— 2014 ᠣᠨ ᠤ 1 ᠳ᠋ᠣᠭᠡᠷ ᠰᠠᠷ᠎ᠠ ᠶᠢᠨ 15 ᠤ ᠡᠳᠦᠷ | ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠣᠭᠠᠷ | ᠬᠤᠭᠤᠴᠠᠭᠠᠨ ᠣᠠᠷᠠᠳ ᠣᠨᠲ᠋ᠦ᠋ᠯᠦᠭᠡᠯᠡᠭᠴᠢᠳ ᠣᠨᠶᠡᠭᠡ ᠬᠤᠷᠠᠯ ᠤᠨ ᠬᠤᠶᠠᠳᠣᠭᠠᠷ ᠬᠤᠷᠠᠯᠳᠣᠭᠠᠨ ᠳᠡᠭᠡᠷ᠎ᠡ | | ᠦᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠠᠭᠠᠲᠣᠷ | | ᠲᠦᠯᠦᠭᠡᠯᠡᠭᠴᠢᠳ ᠡ᠄ | ᠣᠳᠣ᠂ ᠪᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ | ᠮᠡᠳᠡᠭᠦᠯᠦᠶ᠎ᠡ᠂ ᠬᠢᠨᠠᠨ ᠵᠦᠪᠯᠡᠬᠦ ᠪᠣᠯᠪᠠᠣ᠂ ᠲᠡᠷᠡᠴᠢᠯᠡᠨ ᠦᠪᠡᠷᠲᠡᠭᠡᠨ ᠵᠠᠰᠠᠬᠤ ᠣᠷᠣᠨ ᠤ ᠣᠯᠣᠰ ᠲᠦᠷᠦ ᠶᠢᠨ ᠵᠦᠪᠯᠡᠯᠭᠡᠨ ᠤ ᠭᠡᠰᠢᠭᠦᠳ ᠪᠣᠯᠣᠨ ᠬᠤᠷᠠᠯ ᠳᠤ ᠰᠣᠯᠠ | ᠣᠷᠣᠯᠴᠠᠭᠰᠠᠳ ᠰᠠᠨᠠᠯ ᠢᠶᠠᠨ ᠳᠣᠷᠠᠳᠬᠤ ᠪᠣᠯᠪᠠᠣ᠃ | ᠨᠢᠭᠡ᠂ ᠦᠡᠭᠭᠡᠷᠡᠭᠰᠡᠨ ᠨᠢᠭᠡ ᠵᠢᠯ ᠤᠨ ᠠᠵᠢᠯ ᠤᠨ ᠡᠷᠬᠢᠴᠡᠭᠦᠯᠦᠯ | 2013 ᠣᠨ ᠪᠣᠯ ᠲᠣᠰ ᠬᠤᠭᠤᠴᠠᠭᠠᠨ ᠤ ᠵᠠᠰᠠᠭ ᠤᠨ ᠣᠷᠳᠣᠨ ᠤ ᠡᠬᠢᠯᠡᠯᠲᠡ ᠶᠢᠨ ᠣᠨ ᠪᠣᠯᠬᠤ ᠪᠦᠭᠡᠳ ᠮᠦᠨ ᠴᠦ ᠬᠠᠲᠠᠭᠤ ᠴᠢᠩᠭ᠎ᠠ ᠰᠢᠯᠭᠠᠯᠲᠠ ᠪᠠᠷ | ᠳᠠᠮᠵᠢᠭᠠᠳ ᠰᠢᠨ᠎ᠡ ᠠᠮᠵᠢᠯᠲᠠ ᠣᠯᠣᠭᠰᠠᠨ ᠨᠢᠭᠡ ᠵᠢᠯ ᠪᠣᠯᠣᠨ᠎ᠠ᠃ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠣᠳᠠᠯ ᠤᠨ ᠬᠤᠷᠢᠶ᠎ᠠ ᠪᠣᠯᠣᠨ ᠦᠪᠡᠷᠲᠡᠭᠡᠨ ᠵᠠᠰᠠᠬᠤ | ᠣᠷᠣᠨ ᠤ ᠨᠠᠮ ᠤᠨ ᠲᠦᠪ ᠬᠤᠷᠢᠶᠠᠨ ᠤ ᠵᠦᠪ ᠣᠨᠣᠪᠴᠢᠲᠠᠢ ᠣᠳᠣᠷᠢᠳᠣᠯᠭ᠎ᠠ ᠳᠣᠣᠷ᠎ᠠ᠂ ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠦᠬᠦ ᠣᠷᠣᠨ ᠤ | ᠦᠨᠳᠦᠰᠦᠲᠡᠨ ᠨᠦᠭᠦᠳ ᠤᠨ ᠠᠷᠠᠳ ᠲ᠊ᠦ᠋ᠮᠡᠨ ᠢ ᠨᠢᠭᠲᠠ ᠲᠦᠰᠢᠭᠯᠡᠨ᠂ ᠨᠠᠮ ᠤᠨ ᠠᠷᠪᠠᠨ ᠨᠠᠢᠮᠠᠳᠣᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣ᠋ᠨ ᠦᠪᠡᠷᠲᠡᠭᠡᠨ | ᠵᠠᠰᠠᠬᠤ ᠣᠷᠣᠨ ᠤ ︽8337︾ ᠬᠦᠭᠵᠢᠯᠲᠡ ᠶᠢᠨ ᠰᠡᠳᠭᠢᠴᠡ ᠶᠢ ᠪᠦᠬᠦ ᠲᠠᠯ᠎ᠠ ᠪᠠᠷ ᠲᠣᠣᠱᠯᠠᠭᠤᠯᠣᠨ ᠨᠠᠶᠢᠳᠠᠪᠣᠷᠢᠵᠢᠭᠤᠯᠵᠣ᠂ ᠯᠠᠪᠳᠠᠭᠤᠨ ᠢᠶᠠᠷ ᠣᠷᠣᠭᠰᠢ | ᠳᠠᠪᠰᠢᠭᠤᠯᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠨ᠂ ᠨᠡᠮᠡᠭᠳᠡᠯ ᠢ ᠯᠠᠪᠳᠠᠭᠤᠨ ᠪᠠᠶᠢᠯᠭᠠᠬᠤ᠂ ᠪᠦᠲᠦᠴᠡ ᠶᠢ ᠲᠣᠬᠢᠷᠠᠭᠤᠯᠬᠤ᠂ | ᠥᠭᠡᠷᠡᠴᠢᠯᠡᠯᠲᠡ ᠶᠢ ᠠᠬᠢᠭᠤᠯᠬᠤ᠂ ᠠᠷᠠᠳ ᠤᠨ ᠠᠮᠢᠳᠣᠷᠠᠯ ᠢ ᠬᠠᠷᠭᠠᠯᠵᠠᠬᠤ ᠵᠡᠷᠭᠡ ᠡᠯ᠎ᠡ ᠵᠦᠢᠯ ᠤᠨ ᠠᠵᠢᠯ ᠢ ᠨᠢᠬᠡᠳᠦᠯᠲᠡᠢ ᠲᠦᠯᠦᠪᠯᠡᠨ ᠠᠬᠢᠭᠤᠯᠵᠣ᠂ ᠠᠵᠣ ᠠᠬᠤᠢ | ᠪᠠᠭᠤᠷᠠᠵᠣ ᠪᠠᠶᠢᠭ᠎ᠠ ᠳᠠᠷᠣᠯᠲᠠ ᠶᠢ ᠴᠢᠷᠮᠠᠶᠢᠨ ᠢᠯᠠᠨ ᠳᠠᠪᠠᠵᠣ᠂ ᠰᠢᠨᠵᠢᠯᠡᠬᠦ ᠣᠬᠠᠭᠠᠨᠴᠢ ᠬᠦᠭᠵᠢᠯᠲᠡ ᠶᠢ ᠲᠦᠯᠬᠢᠨ ᠠᠬᠢᠭᠤᠯᠬᠤ᠂ ᠠᠷᠠᠳ ᠢ ᠪᠠᠶᠠᠵᠢᠭᠤᠯᠣᠨ | ᠣᠷᠣᠨ ᠢᠶᠠᠨ ᠬᠦᠴᠦᠷᠬᠡᠭᠵᠢᠬᠦᠯᠬᠦ ᠵᠠᠮ ᠢᠶᠠᠷ ᠰᠢᠨ᠎ᠡ ᠠᠯᠬᠤᠮ ᠢ ᠠᠯᠬᠤᠪᠠ᠃ | ︵ᠨᠢᠭᠡ︶ ᠠᠵᠣ ᠠᠬᠤᠢ ᠶᠢᠨ ᠬᠦᠭᠵᠢᠯᠲᠡ ᠲᠣᠭᠲᠠᠭᠤᠨ ᠪᠠᠶᠢᠬᠤ ᠶᠢᠨ ᠳᠠᠭᠠᠣ ᠳᠤ ᠰᠠᠶᠢᠵᠢᠷᠠᠯ ᠲᠠᠢ ᠪᠠᠶᠢᠳᠠᠯ ᠢᠯᠡᠷᠡᠪᠡ᠃ ᠨᠢᠳᠣᠨᠣᠨ᠂ ᠮᠠᠨ ᠤ ᠣᠷᠣᠨ ᠤ | ᠠᠵᠣ ᠠᠬᠤᠢ ᠶᠢᠨ ᠬᠦᠭᠵᠢᠯᠲᠡ ᠳᠤ ᠣᠶᠢᠷ᠎ᠠ ᠶᠢᠨ ᠵᠢᠯ ᠴᠦᠬᠡᠨ ᠲᠣᠬᠢᠶᠠᠯᠳᠣᠭᠰᠠᠨ ᠬᠦᠴᠢᠷᠳᠡᠯ ᠲᠠᠢ ᠪᠠᠶᠢᠳᠠᠯ ᠭᠠᠷᠪᠠ᠃ ᠣᠯᠣᠰ ᠤᠨ ᠲᠣᠲᠣᠭᠠᠲᠣ ᠭᠠᠳᠠᠭᠠᠲᠣ ᠶᠢᠨ | ᠲᠦᠪᠡᠭ ᠪᠣᠳᠣᠯᠢᠶᠠᠨᠲᠠᠢ ᠪᠠᠶᠢᠳᠠᠯ ᠪᠣᠯᠣᠨ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠲᠠᠯᠭ᠎ᠠ ᠬᠦᠷᠦᠯᠴᠡᠬᠦ ᠦᠭᠡᠢ᠂ ᠠᠵᠣ ᠠᠬᠤᠶᠢᠯᠠᠯ ᠤᠨ ᠦᠷ᠎ᠡ ᠠᠰᠢᠭ ᠪᠠᠭᠤᠷᠠᠭᠰᠠᠨ᠂ | ᠡᠳ᠋ ᠤᠨ ᠵᠠᠰᠠᠭ ᠤᠨ ᠣᠷᠣᠯᠭ᠎ᠠ ᠶᠢᠨ ᠨᠡᠮᠡᠭᠳᠡᠯ ᠣᠳᠠᠭᠠᠰᠢᠷᠠᠭᠰᠠᠨ ᠵᠡᠷᠭᠡ ᠬᠠᠲᠠᠭᠤ ᠴᠢᠩᠭ᠎ᠠ ᠦᠷᠢᠰᠦᠳᠦᠯᠭᠡᠨ ᠳᠤ ᠬᠠᠨᠳᠣᠨ᠂ ᠲᠦᠷᠦ ᠶᠢᠨ ᠪᠣᠳᠣᠯᠭ᠎ᠠ ᠶᠢᠨ | ᠲᠣᠬᠢᠷᠠᠭᠤᠯᠭ᠎ᠠ ᠡᠵᠡᠮᠳᠡᠯ ᠪᠣᠯᠣᠨ ᠪᠡᠯᠡ ᠣᠷᠣᠭᠤᠯᠣᠯᠲᠠ ᠶᠢᠨ ᠲᠣᠯᠭᠠᠭᠤᠷᠢᠯᠠᠯ ᠢ ᠣᠯᠠᠮ ᠨᠢᠭᠡ ᠠᠯᠬᠤᠮ ᠴᠢᠩᠭᠠᠷᠠᠭᠤᠯᠣᠨ᠂ ᠠᠵᠣ ᠠᠬᠤᠢ ᠶᠢᠨ ᠨᠡᠮᠡᠭᠳᠡᠯ ᠢ ᠪᠦᠬᠦ | ᠬᠦᠴᠦᠨ ᠢᠶᠠᠷ ᠢᠶᠠᠨ ᠲᠣᠭᠲᠠᠪᠦᠷᠢᠵᠢᠭᠤᠯᠣᠭᠠᠳ᠂ ᠠᠵᠣ ᠠᠬᠤᠢ ᠶᠢᠨ ᠭᠤᠣᠯ ᠪᠣᠯᠬᠤ ᠭᠦᠢᠴᠡᠳᠭᠡᠬᠦ ᠲᠤᠭ᠎ᠠ ᠶᠢᠨ ᠨᠡᠮᠡᠭᠳᠡᠯ ᠤᠨ ᠬᠤᠷᠳᠣᠴᠠ ᠶᠢ ᠵᠣᠬᠢᠰᠲᠠᠢ | ᠪᠠᠶᠢᠷᠢᠨ ᠳᠤ ᠪᠠᠶᠢᠯᠭᠠᠪᠠ᠃ ᠪᠦᠬᠦ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 1.68 ᠲᠦᠮᠡᠨ ᠳ᠋ᠦᠡᠭᠰᠢᠭᠤᠷ ᠲᠦᠭᠦᠷᠢᠭ ᠪᠡᠶᠡᠯᠡᠭᠦᠯᠵᠦ᠂ 9% ᠪᠠᠷ | ᠨᠡᠮᠡᠭᠳᠡᠪᠡ︔ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ1719.5 ᠳ᠋ᠦᠡᠭᠰᠢᠭᠤᠷ ᠲᠦᠭᠦᠷᠢᠭ ᠪᠠᠶᠢᠵᠣ᠂ 10.7% ᠪᠠᠷ ᠨᠡᠮᠡᠭᠳᠡᠪᠡ︔ | ᠪᠦᠬᠦ ᠨᠡᠶᠢᠬᠡᠮ ᠤᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠣᠯᠲᠠ ᠶᠢ 1.55 ᠲᠦᠮᠡᠨ ᠳ᠋ᠦᠡᠭᠰᠢᠭᠤᠷ ᠪᠡᠶᠡᠯᠡᠭᠦᠯᠵᠦ᠂18.4% ᠪᠠᠷ ᠨᠡᠮᠡᠭᠳᠡᠪᠡ᠃ ᠲᠠᠷᠢᠶᠠᠯᠠᠩ | ᠮᠠᠯ ᠠᠵᠣ ᠠᠬᠤᠢ ᠶᠢᠨ ᠦᠨᠳᠦᠰᠦᠨ ᠰᠠᠭᠤᠷᠢ ᠪᠠᠶᠢᠷᠢ ᠶᠢ ᠲᠠᠰᠣᠷᠠᠯᠲᠠ ᠦᠭᠡᠢ ᠴᠢᠩᠭᠠᠷᠠᠭᠤᠯᠪᠠ᠃ ᠲᠠᠷᠢᠶᠠᠯᠠᠩ ᠮᠠᠯ ᠠᠵᠣ ᠠᠬᠤᠢ ᠶᠢᠨ ᠶᠡᠷᠦᠩᠬᠡᠶᠢᠯᠡᠭᠰᠡᠨ | ᠦᠢᠯᠡᠳᠪᠦᠷᠢᠯᠡᠬᠦ ᠴᠢᠳᠠᠪᠣᠷᠢ ᠶᠢ ᠯᠠᠪᠳᠠᠭᠤᠨ ᠢᠶᠠᠷ ᠳᠡᠭᠡᠭᠰᠢᠯᠡᠭᠦᠯᠵᠦ᠂ ᠠᠮᠣ ᠪᠣᠳᠠᠭᠠᠨ ᠤ ᠬᠤᠷᠢᠶᠠᠯᠲᠠ ᠲᠡᠣᠬᠡ ᠶᠢᠨ ᠰᠢᠨ᠎ᠡ ᠦᠨᠳᠦᠷ ᠬᠤᠷᠢᠶᠠᠯᠲᠠ ᠶᠢ ᠲᠠᠬᠢᠨᠲᠠ | ᠡᠭᠦᠳᠴᠦ᠂ ᠶᠡᠷᠦᠩᠬᠡᠢ ᠬᠤᠷᠢᠶᠠᠯᠲᠠ 554.6 ᠳ᠋ᠦᠡᠭᠰᠢᠭᠤᠷ ᠵᠢᠩ ᠳᠤ ᠬᠦᠷᠴᠦ᠂ 48.9 ᠳ᠋ᠦᠡᠭᠰᠢᠭᠤᠷ ᠵᠢᠩ ᠨᠡᠮᠡᠭᠳᠡᠵᠦ᠂ 9.7% ᠪᠠᠷ ᠨᠡᠮᠡᠭᠳᠡᠨ᠂ ᠨᠡᠮᠡᠭᠳᠡᠯ ᠤᠨ | ᠬᠡᠮᠵᠢᠶ᠎ᠡ ᠪᠣᠯᠣᠨ ᠨᠡᠮᠡᠭᠳᠡᠯ ᠤᠨ ᠬᠡᠪᠴᠢᠶ᠎ᠡ ᠴᠦᠮ ᠪᠦᠬᠦ ᠣᠯᠣᠰ ᠤᠨ ᠲᠡᠷᠢᠭᠦᠨ ᠳᠤ ᠣᠷᠣᠪᠠ︔ ᠲᠡᠵᠢᠭᠡᠵᠦ ᠪᠠᠶᠢᠭ᠎ᠠ ᠮᠠᠯ 9 ᠵᠢᠯ ᠳᠠᠷᠠᠭᠠᠯᠠᠨ 1 ᠳ᠋ᠦᠡᠭᠰᠢᠭᠤᠷ ᠲᠤᠭ᠎ᠠ | ᠲᠣᠯᠣᠭᠠᠢ ᠠᠴᠠ ᠳᠡᠭᠡᠭᠰᠢ ᠶᠢ ᠪᠠᠲᠣᠯᠠᠵᠣ᠂ ᠮᠠᠯ ᠤᠨ ᠮᠢᠬ᠎ᠠ᠂ ᠰᠦ᠂ ᠨᠣᠣᠰᠣ ᠨᠣᠣᠯᠣᠷ ᠤᠨ ᠭᠠᠷᠣᠯᠲᠠ ᠦᠷᠭᠦᠯᠵᠢᠯᠡᠨ ᠪᠦᠬᠦ ᠣᠯᠣᠰ ᠤᠨ ᠲᠡᠷᠢᠭᠦᠨ ᠳᠤ ᠣᠷᠣᠪᠠ᠃ | ᠠᠵᠣ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢ ᠪᠦᠬᠦ ᠬᠦᠴᠦᠨ ᠢᠶᠠᠷ ᠢᠶᠠᠨ ᠲᠣᠭᠲᠠᠪᠣᠷᠢᠵᠢᠭᠤᠯᠪᠠ᠃ ᠮᠠᠨ ᠤ ᠣᠷᠣᠨ ᠤ ᠴᠠᠬᠢᠯᠭᠠᠨ ᠬᠦᠴᠦᠨ ᠤ ᠳᠠᠪᠠᠭᠤᠯᠢᠭ | ᠪᠣᠯᠣᠨ ᠴᠠᠬᠢᠯᠭᠠᠨ ᠤ ᠦᠨ᠎ᠡ ᠶᠢᠨ ᠬᠦᠰᠢᠭᠦᠷᠭᠡ ᠶᠢᠨ ᠦᠢᠯᠡᠳᠦᠯ ᠢ ᠪᠠᠳᠠᠷᠠᠭᠤᠯᠣᠨ᠂ ᠴᠠᠬᠢᠯᠠᠭᠠᠨ ᠬᠦᠴᠦᠨ ᠤ ᠶᠡᠷᠦᠩᠬᠡᠶᠢᠯᠡᠨ ᠲᠡᠳᠬᠦᠬᠦ ᠲᠦᠷᠦ ᠶᠢᠨ ᠪᠣᠳᠣᠯᠭ᠎ᠠ ᠶᠢ | ᠨᠡᠶᠢᠲᠡᠯᠡᠵᠦ᠂ ᠠᠵᠣ ᠦᠢᠯᠡᠳᠪᠦᠷᠢ ᠶᠢᠨ ᠬᠡᠷᠡᠭᠯᠡᠬᠦ ᠴᠠᠬᠢᠯᠭᠠᠨ ᠤ ᠬᠡᠮᠵᠢᠶ᠎ᠡ ᠶᠢ 170 ᠳ᠋ᠦᠡᠭᠰᠢᠭᠤᠷ ᠺᠢᠯᠣᠸᠠᠲ ᠴᠠᠭ ᠨᠡᠮᠭᠳᠡᠭᠦᠯᠵᠦ᠂ ᠦᠢᠯᠡᠳᠪᠦᠷᠢᠯᠡᠯ ᠢᠶᠠᠨ | ᠵᠣᠭᠰᠣᠭᠠᠭᠰᠠᠨ ᠪᠠ ᠬᠠᠭᠠᠰ ᠵᠣᠭᠰᠣᠭᠠᠭᠰᠠᠨ ᠬᠡᠪᠴᠢᠶᠡᠵᠢᠯ ᠠᠴᠠ ᠳᠡᠭᠡᠭᠰᠢᠬᠢ 261 ᠡᠷᠦᠬᠡ ᠠᠵᠣ ᠠᠬᠤᠶᠢᠯᠠᠯ ᠦᠢᠯᠡᠳᠪᠦᠷᠢᠯᠡᠯ ᠢᠶᠠᠨ ᠰᠡᠷᠭᠦᠭᠡᠭᠡᠳ᠂ ᠭᠠᠶᠢᠯᠢ ᠶᠢᠨ | ᠣᠷᠣᠯᠭ᠎ᠠ ᠶᠢ 950 ᠳ᠋ᠦᠡᠭᠰᠢᠭᠤᠷ ᠲᠦᠭᠦᠷᠢᠭ ᠨᠡᠮᠡᠭᠳᠡᠭᠦᠯᠪᠡ᠃ ᠮᠦᠡᠭᠭᠦᠨ ᠬᠦᠢᠯᠭᠡᠭᠡᠨ ᠢᠶᠠᠷ ᠪᠣᠲᠠᠲᠣ ᠴᠣᠭᠴᠠ ᠠᠵᠣ ᠠᠬᠤᠢ ᠶᠢ ᠳᠡᠮᠵᠢᠬᠦᠯᠬᠦ᠂ ᠡᠬᠢ ᠪᠠᠶᠠᠯᠢᠭ ᠤᠨ | ᠲᠣᠬᠢᠷᠠᠭᠤᠯᠣᠯᠲᠠ ᠶᠢ ᠲᠡᠭᠦᠯᠳᠡᠷᠵᠢᠭᠦᠯᠬᠦ᠂ ᠡᠬᠢ ᠪᠠᠶᠠᠯᠢᠭ ᠢ ᠬᠦᠷᠦᠩᠭᠡᠵᠢᠭᠦᠯᠦᠨ ᠠᠵᠢᠯᠯᠠᠭᠤᠯᠬᠤ ᠶᠢ ᠲᠦᠯᠬᠢᠨ ᠠᠬᠢᠭᠤᠯᠬᠤ᠂ ᠠᠵᠣ ᠠᠬᠤᠶᠢᠯᠠᠯ ᠳᠤ ᠬᠤᠯᠪᠣᠭᠳᠠᠬᠤ | ᠰᠦᠢᠳᠭᠡᠯ ᠬᠤᠷᠢᠶᠠᠬᠤ ᠲᠦᠷᠦᠯ ᠵᠦᠢᠯ ᠢ ᠪᠠᠭᠠᠰᠬᠠᠬᠤ ᠵᠡᠷᠭᠡ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠣᠷᠢᠵᠢᠭᠤᠯᠣᠨ᠂ ᠠᠵᠣ ᠦᠢᠯᠡᠳᠪᠦᠷᠢ ᠶᠢᠨ | ᠠᠵᠣ ᠠᠬᠤᠢ ᠶᠢᠨ ᠨᠡᠮᠡᠭᠳᠡᠯ ᠤᠨ ᠬᠤᠷᠳᠣᠴᠠ ᠶᠢ ᠳᠡᠭᠡᠭᠰᠢᠯᠡᠭᠦᠯᠬᠦ᠂ ᠠᠵᠣ ᠠᠬᠤᠶᠢᠯᠠᠯ ᠤᠨ ᠠᠰᠢᠭ ᠣᠯᠵᠠᠪᠣᠷᠢ ᠶᠢᠨ ᠪᠠᠭᠤᠷᠠᠬᠤ ᠬᠡᠪᠴᠢᠶ᠎ᠡ ᠶᠢ ᠪᠠᠭᠠᠰᠠᠬᠠᠬᠤ᠂ | ᠨᠡᠭᠦᠷᠡᠰᠦ ᠴᠠᠬᠢᠯᠭᠠᠨ ᠲᠣᠰᠣ ᠲᠡᠭᠡᠭᠡᠪᠦᠷᠢ ᠵᠡᠷᠭᠡ ᠶᠢᠨ ᠤᠷᠢᠳᠠᠪᠡᠷ ᠬᠡᠷᠡᠭᠵᠢᠭᠦᠯᠬᠦ ᠭᠦᠢᠴᠡᠳᠭᠡᠬᠦ ᠲᠤᠭ᠎ᠠ ᠶᠢᠨ ᠯᠠᠪᠳᠠᠭᠤᠨ ᠢᠶᠠᠷ ᠰᠠᠶᠢᠵᠢᠷᠠᠬᠤ ᠶᠢ ᠠᠬᠢᠭᠤᠯᠣᠭᠠᠳ᠂ | ᠬᠡᠪᠴᠢᠶᠡᠵᠢᠯ ᠠᠴᠠ ᠳᠡᠭᠡᠭᠰᠢ ᠠᠵᠣ ᠦᠢᠯᠡᠳᠪᠦᠷᠢᠯᠡᠯ ᠶᠢᠨ ᠨᠡᠮᠡᠭᠳᠡᠯ ᠦᠷᠲᠡᠭ 12% ᠢᠶᠠᠷ ᠨᠡᠮᠡᠭᠳᠡᠪᠡ᠃ ᠦᠢᠯᠡᠴᠢᠯᠡᠭᠡᠨ ᠤ ᠦᠢᠯᠡᠰ ᠢ ᠶᠡᠬᠡᠪᠡᠷ ᠬᠦᠭᠵᠢᠭᠦᠯᠪᠡ᠃ | ᠦᠢᠯᠡᠴᠢᠯᠡᠭᠡᠨ ᠤ ᠦᠢᠯᠡᠰ ᠤᠨ ᠬᠦᠭᠵᠢᠯᠲᠡ ᠶᠢ ᠠᠬᠢᠭᠤᠯᠬᠤ ᠵᠢᠯᠣᠭᠤᠳᠬᠤ ᠰᠠᠨᠠᠯ ᠪᠣᠯᠣᠨ ᠲᠦᠬᠦᠷ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠵᠦ᠂ | ᠵᠢᠭᠤᠯᠴᠢᠯᠠᠯ᠂ ᠪᠠᠷᠠᠭ᠎ᠠ ᠶᠢᠨ ᠭᠦᠢᠯᠭᠡᠭᠡᠨ᠂ ᠮᠦᠡᠭᠭᠦᠨ ᠭᠦᠢᠯᠭᠡᠭᠡᠨ᠂ ᠡᠯᠧᠺᠲᠷᠣᠨ ᠬᠤᠳᠠᠯᠳᠣᠭᠠᠨ ᠤ ᠶᠡᠪᠣᠳᠠᠯ ᠵᠡᠷᠭᠡ ᠣᠳᠣ ᠦᠶ᠎ᠡ ᠶᠢᠨ ᠦᠢᠯᠡᠴᠢᠯᠡᠭᠡᠨ ᠤ | ᠦᠢᠯᠡᠰ ᠤᠨ ᠬᠦᠭᠵᠢᠯᠲᠡ ᠲᠦᠷᠭᠡᠳᠭᠡᠴᠦ᠂ ᠪᠦᠬᠦ ᠣᠷᠣᠨ ᠤ ᠵᠢᠭᠤᠯᠴᠢᠯᠠᠯ ᠤᠨ ᠦᠢᠯᠡᠰ ᠤᠨ ᠶᠡᠷᠦᠩᠬᠡᠢ ᠣᠷᠣᠯᠭ᠎ᠠ 18% ᠪᠠᠷ ᠨᠡᠮᠡᠭᠳᠡᠨ᠂ ᠮᠦᠡᠭᠭᠦᠨ | ᠭᠦᠢᠯᠭᠡᠭᠡᠨ ᠤ ᠪᠠᠶᠢᠭᠤᠯᠣᠮᠵᠢ ᠶᠢᠨ ᠰᠢᠨ᠎ᠡ ᠪᠠᠷ ᠨᠡᠮᠡᠭᠳᠡᠭᠰᠡᠨ ᠬᠠᠳᠠᠭᠠᠯᠠᠮᠵᠢ ᠠᠴᠠ 47.6 ᠳ᠋ᠦᠡᠭᠰᠢᠭᠤᠷ ᠲᠦᠭᠦᠷᠢᠭ ᠳᠠᠪᠠᠵᠣ᠂ ᠨᠡᠶᠢᠬᠡᠮ ᠤᠨ ᠬᠡᠷᠡᠭᠯᠡᠭᠡᠨ ᠤ | ᠬᠡᠷᠡᠭᠰᠡᠯ ᠤᠨ ᠵᠢᠵᠢᠭᠯᠡᠨ ᠬᠤᠳᠠᠯᠳᠣᠭᠰᠠᠨ ᠶᠡᠷᠦᠩᠬᠡᠢ ᠬᠡᠮᠵᠢᠶ᠎ᠡ 11.8% ᠪᠠᠷ ᠨᠡᠮᠡᠭᠳᠡᠪᠡ᠃ | ︵ᠬᠤᠶᠠᠷ︶ ᠠᠵᠣ ᠠᠬᠤᠢ ᠶᠢᠨ ᠪᠦᠲᠦᠴᠡ ᠶᠢᠨ ᠲᠣᠬᠢᠷᠠᠭᠤᠯᠣᠯᠲᠠ ᠰᠢᠨ᠎ᠡ ᠠᠬᠢᠴᠠ ᠲᠠᠢ ᠪᠣᠯᠪᠠ᠃ ᠯᠠᠪᠳᠠᠭᠤᠨ ᠢᠶᠠᠷ ᠨᠡᠮᠡᠭᠳᠡᠭᠦᠯᠬᠦ ᠶᠢ ᠬᠡᠯᠪᠡᠷᠢ ᠪᠠᠨ | ᠬᠤᠪᠢᠷᠠᠭᠤᠯᠬᠤ ᠶᠢ ᠠᠬᠢᠭᠤᠯᠬᠤ ᠯᠤᠭ᠎ᠠ ᠬᠠᠷᠢᠯᠴᠠᠨ ᠣᠶᠠᠯᠳᠣᠭᠤᠯᠬᠤ ᠶᠢ ᠪᠠᠷᠢᠮᠲᠠᠯᠠᠨ᠂ ᠠᠵᠣ ᠦᠢᠯᠡᠰ ᠤᠨ ᠪᠦᠲᠦᠴᠡ ᠶᠢᠨ ᠲᠣᠬᠢᠷᠠᠭᠤᠯᠣᠯᠲᠠ ᠶᠢᠨ ᠵᠢᠯᠣᠭᠤᠳᠬᠤ | ᠰᠠᠨᠠᠯ ᠪᠣᠯᠣᠨ 11 ᠭᠤᠣᠯᠳᠠᠯᠭ᠎ᠠ ᠲᠠᠢ ᠲᠣᠰᠬᠠᠢ ᠵᠦᠢᠯ ᠤᠨ ᠲᠦᠯᠦᠪᠵᠢᠭᠦᠯᠭᠡ ᠶᠢ ᠲᠣᠭᠲᠠᠭᠠᠨ ᠬᠡᠷᠡᠭᠵᠢᠭᠦᠯᠵᠦ᠂ ᠠᠵᠣ ᠠᠬᠤᠢ ᠶᠢᠨ ᠪᠦᠲᠦᠴᠡ ᠶᠢᠨ ᠬᠡᠯᠪᠡᠷᠢ ᠪᠠᠨ | ᠬᠤᠪᠢᠷᠠᠭᠤᠯᠣᠨ ᠳᠡᠰ ᠳᠡᠪᠰᠢᠬᠦ ᠪᠠ ᠬᠦᠭᠵᠢᠯᠲᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠶᠢ ᠲᠦᠯᠬᠢᠨ ᠠᠬᠢᠭᠤᠯᠪᠠ᠃ ᠲᠠᠪᠣᠨ ᠶᠡᠭᠡ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠣᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠪᠠ᠃ ᠨᠡᠭᠦᠷᠡᠰᠦ ᠶᠢ ᠪᠣᠯᠪᠠᠰᠣᠷᠠᠭᠤᠯᠣᠨ ᠬᠤᠪᠢᠷᠠᠭᠤᠯᠬᠤ ᠪᠠ ᠶᠡᠷᠦᠩᠬᠡᠶᠢᠯᠡᠨ ᠠᠰᠢᠭᠯᠠᠬᠤ ᠨᠢᠭᠡ | ᠪᠦᠯᠦᠭ ᠲᠦᠷᠦᠯ ᠵᠦᠢᠯ ᠢ ᠪᠠᠶᠢᠭᠤᠯᠣᠭᠰᠠᠨ ᠪᠣᠶᠣ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠵᠣ᠂ ᠴᠠᠬᠢᠯᠭᠠᠨ ᠬᠦᠴᠦᠨ ᠤ ᠮᠠᠰᠢᠨ ᠴᠣᠭᠴᠠᠯᠪᠦᠷᠢ ᠶᠢ 500 | ᠲᠦᠮᠡᠨ ᠺᠢᠯᠣᠸᠠᠲ ᠰᠢᠨ᠎ᠡ ᠪᠠᠷ ᠨᠡᠮᠡᠭᠳᠡᠭᠦᠯᠦᠨ᠂ ᠭᠠᠳᠠᠭᠰᠢ ᠬᠦᠷᠭᠡᠭᠰᠡᠨ ᠴᠠᠬᠢᠯᠭᠠᠨ ᠤ ᠬᠡᠮᠵᠢᠶ᠎ᠡ 1400 ᠳ᠋ᠦᠡᠭᠰᠢᠭᠤᠷ ᠺᠢᠯᠣᠸᠠᠲ ᠴᠠᠭ ᠪᠠᠶᠢᠵᠣ᠂ ᠨᠡᠭᠦᠷᠡᠰᠦ ᠶᠢ ᠬᠡᠢ | ᠪᠣᠯᠭᠠᠵᠣ 120 ᠳ᠋ᠦᠡᠭᠰᠢᠭᠤᠷ ᠪᠣᠰᠤᠭ᠎ᠠ ᠳᠦᠷᠪᠡᠯᠵᠢᠨ ᠮᠧᠲᠷ ᠤᠨ ᠬᠢ ᠰᠢᠨ᠎ᠡ ᠪᠠᠷ ᠪᠠᠷᠢᠯᠭ᠎ᠠ ᠡᠬᠢᠯᠡᠭᠦᠯᠪᠡ᠃ ᠪᠣᠷᠣᠯᠠᠭᠤᠯᠭ᠎ᠠ ᠶᠢᠨ ᠣᠷᠣᠯᠭ᠎ᠠ ᠨᠢ 500 ᠲᠦᠮᠡᠨ | ᠲᠦᠭᠦᠷᠢᠭ ᠠᠴᠠ ᠳᠡᠭᠡᠭᠰᠢᠬᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠠᠵᠣ ᠠᠬᠤᠶᠢᠯᠠᠯ ᠪᠣᠷᠣᠯᠠᠭᠤᠯᠭ᠎ᠠ ᠶᠢᠨ ᠣᠷᠣᠯᠭ᠎ᠠ ᠶᠢ | 3455.6 ᠳ᠋ᠦᠡᠭᠰᠢᠭᠤᠷ ᠲᠦᠭᠦᠷᠢᠭ ᠪᠡᠶᠡᠯᠡᠭᠦᠯᠵᠦ᠂ 14.5% ᠪᠠᠷ ᠨᠡᠮᠡᠭᠳᠡᠪᠡ᠃ ᠣᠳᠣ ᠦᠶ᠎ᠡ ᠶᠢᠨ ᠲᠣᠨᠤᠭ ᠲᠦᠬᠦᠭᠡᠷᠦᠮᠵᠢ ᠦᠢᠯᠡᠳᠬᠦ᠂ ᠡᠭᠦᠯᠡᠨ ᠪᠣᠳᠣᠯᠲᠠ | ᠵᠡᠷᠭᠡ ᠰᠢᠨ᠎ᠡ ᠪᠠᠷ ᠪᠣᠢ ᠪᠣᠯᠣᠭᠰᠠᠨ ᠠᠵᠣ ᠦᠢᠯᠡᠰ ᠲᠦᠷᠭᠡᠨ ᠪᠣᠶᠢᠵᠢᠵᠣ᠂ ᠡᠭᠦᠯᠡᠨ ᠪᠣᠳᠣᠯᠲᠠ ᠶᠢᠨ ᠦᠢᠯᠡᠴᠢᠯᠡᠭᠦᠷ ᠢ 16.5 ᠲᠦᠮᠡᠨ ᠰᠠᠣᠷᠢ ᠪᠠᠶᠢᠭᠤᠯᠪᠠ᠃ | ᠨᠡᠶᠢᠲᠡ ᠶᠢᠨ ᠦᠮᠴᠢᠯᠡᠯ ᠤᠨ ᠪᠣᠰᠣ ᠠᠵᠣ ᠠᠬᠤᠢ ᠶᠢ ᠶᠡᠬᠡᠪᠡᠷ ᠬᠦᠭᠵᠢᠭᠦᠯᠪᠡ᠃ ᠨᠡᠶᠢᠲᠡ ᠶᠢᠨ ᠦᠮᠴᠢᠯᠡᠯ ᠤᠨ ᠪᠣᠰᠣ ᠠᠵᠣ ᠠᠬᠤᠢ ᠶᠢᠨ ᠬᠦᠭᠵᠢᠯᠲᠡ ᠶᠢ ᠠᠬᠢᠭᠤᠯᠬᠤ | 70 ᠵᠣᠷᠪᠣᠰ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ᠴᠢᠬᠤᠯᠠ ᠬᠦᠴᠦᠨ ᠵᠦᠢᠯ ᠤᠨ ᠪᠠᠲᠣᠯᠠᠭ᠎ᠠ ᠶᠢ ᠴᠢᠩᠭᠠᠷᠠᠭᠤᠯᠣᠨ᠂ ᠲᠣᠮᠳᠠ ᠪᠠᠭ᠎ᠠ | ᠠᠵᠣ ᠠᠬᠤᠶᠢᠯᠠᠯ ᠤᠨ ᠨᠡᠮᠡᠭᠳᠡᠯ ᠦᠷᠲᠡᠭ 13% ᠪᠠᠷ ᠨᠡᠮᠡᠭᠳᠡᠨ᠂ ᠬᠤᠪᠢ ᠶᠢᠨ ᠠᠵᠣ ᠦᠢᠯᠡᠳᠪᠦᠷᠢ ᠬᠤᠳᠠᠯᠳᠤᠭ᠎ᠠ ᠶᠢᠨ ᠡᠷᠦᠬᠡ100 ᠲᠦᠮᠡᠨ ᠶᠢ ᠳᠠᠪᠠᠪᠠ᠃ | ᠬᠤᠲᠠ ᠬᠦᠳᠡᠭᠡ ᠶᠢ ᠨᠢᠭᠡᠳᠦᠯᠲᠡᠢ ᠲᠦᠯᠣᠪᠯᠡᠨ ᠬᠦᠭᠵᠢᠭᠦᠯᠬᠦ ᠶᠢ ᠢᠳᠡᠪᠬᠢᠲᠡᠢ ᠪᠠᠷ ᠠᠬᠢᠭᠤᠯᠪᠠ᠃ ᠵᠢᠯᠣᠭᠤᠳᠬᠤ ᠰᠠᠨᠠᠯ ᠪᠣᠯᠣᠨ ᠲᠡᠳᠬᠦᠬᠦ ᠲᠦᠷᠦ ᠶᠢᠨ ᠪᠣᠳᠣᠯᠭ᠎ᠠ ᠶᠢ | ᠲᠣᠭᠲᠠᠭᠠᠨ᠂ ᠰᠢᠶᠠᠨ ᠤ ᠬᠡᠪᠴᠢᠶᠡᠨ ᠤ ᠠᠵᠣ ᠠᠬᠤᠢ ᠶᠢ ᠶᠡᠬᠡᠪᠡᠷ ᠬᠦᠭᠵᠢᠬᠦᠯᠵᠦ᠂ 80 ᠬᠤᠰᠢᠭᠤ ᠰᠢᠶᠠᠨ ︵ᠬᠤᠲᠠ︶ ᠤ ᠡᠳ᠋ ᠤᠨ ᠵᠠᠰᠠᠭ ᠤᠨ ᠣᠷᠣᠯᠭ᠎ᠠ᠂ | ᠲᠣᠭᠲᠠᠮᠠᠯ ᠬᠦᠷᠦᠩᠭᠡ ᠶᠢᠨ ᠪᠡᠯᠡ ᠣᠷᠣᠭᠤᠯᠣᠯᠲᠠ᠂ ᠬᠡᠪᠴᠢᠶᠡᠵᠢᠯ ᠠᠴᠠ ᠳᠡᠭᠡᠭᠰᠢᠬᠢ ᠠᠵᠣ ᠦᠢᠯᠡᠳᠪᠦᠷᠢ ᠶᠢᠨ ᠨᠡᠮᠡᠭᠳᠡᠯ ᠦᠷᠲᠡᠭ ᠤᠨ ᠨᠡᠮᠡᠭᠳᠡᠯ ᠤᠨ ᠬᠤᠷᠳᠣᠴᠠ | ᠪᠦᠬᠦ ᠣᠷᠣᠨ ᠤ ᠳᠣᠮᠳᠠᠴᠢ ᠬᠢᠷᠢ ᠬᠡᠮᠵᠢᠶ᠎ᠡ ᠠᠴᠠ ᠳᠡᠭᠡᠭᠦᠷ ᠪᠣᠯᠪᠠ᠃ ᠬᠤᠲᠠ ᠪᠠᠯᠭᠠᠰᠣ ᠳᠤ 28.7 ᠲᠦᠮᠡᠨ ᠬᠦᠮᠦᠨ ᠠᠮᠠ ᠰᠢᠨ᠎ᠡ ᠪᠠᠷ ᠨᠡᠮᠡᠭᠳᠡᠭᠦᠯᠵᠦ᠂ ᠪᠦᠬᠦ | ᠣᠷᠣᠨ ᠤ ᠬᠤᠲᠠ ᠪᠠᠯᠭᠠᠰᠣᠴᠢᠯᠠᠭᠰᠠᠨ ᠨᠣᠷᠮ᠎ᠠ 58.7% ᠳᠤ ᠬᠦᠷᠪᠡ᠃ ᠰᠢᠨᠵᠢᠯᠡᠬᠦ ᠣᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠣᠷᠢ ᠶᠢ ᠯᠠᠪᠳᠠᠭᠤᠨ ᠢᠶᠠᠷ | ᠳᠡᠭᠡᠭᠰᠢᠯᠡᠭᠦᠯᠪᠡ᠃ ᠨᠢᠭᠡ ᠪᠦᠯᠦᠭ ᠰᠢᠨ᠎ᠡ ᠬᠡᠯᠪᠡᠷᠢ ᠶᠢᠨ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠣᠨ ᠨᠡᠭᠡᠭᠡᠬᠦ ᠪᠠᠶᠢᠭᠤᠯᠣᠮᠵᠢ ᠶᠢ ᠵᠣᠬᠢᠶᠠᠨ ᠪᠠᠶᠢᠭᠤᠯᠵᠣ᠂ | ᠰᠢᠨᠵᠢᠯᠡᠬᠦ ᠣᠬᠠᠭᠠᠨ ᠮᠡᠷᠭᠡᠵᠢᠯ ᠤᠨ ᠴᠢᠬᠤᠯᠠ ᠶᠡᠭᠡ ᠲᠣᠰᠬᠠᠢ ᠵᠦᠢᠯ ᠤᠳ ᠢ ᠬᠡᠷᠡᠭᠵᠢᠭᠦᠯᠵᠦ᠂ ᠬᠦᠬᠡᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠣ ᠦᠢᠯᠡᠰ ᠤᠨ | ᠬᠦᠷᠢᠶᠡᠯᠡᠩ ᠵᠡᠷᠭᠡ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠵᠡᠷᠭᠡ ᠳᠡᠰ ᠢᠶᠠᠨ ᠦᠰᠭᠡᠬᠦ ᠶᠢ ᠲᠦᠯᠬᠢᠨ ᠠᠬᠢᠭᠤᠯᠵᠣ᠂ ᠪᠡᠶ᠎ᠡ ᠪᠠᠨ ᠳᠠᠭᠠᠭᠠᠵᠣ ᠰᠢᠨ᠎ᠡ ᠶᠢ ᠡᠭᠦᠳᠬᠦ | ᠪᠠ ᠰᠢᠨᠵᠢᠯᠡᠬᠦ ᠣᠬᠠᠭᠠᠨ ᠤ ᠰᠣᠳᠣᠯᠣᠯ ᠤᠨ ᠦᠷ᠎ᠡ ᠪᠦᠲᠦᠭᠡᠯ ᠢ ᠬᠤᠪᠢᠷᠠᠭᠤᠯᠣᠨ ᠬᠡᠷᠡᠭᠯᠡᠬᠦ ᠴᠢᠳᠠᠪᠣᠷᠢ ᠢᠯᠡᠳᠲᠡ ᠳᠡᠭᠡᠭᠰᠢᠯᠡᠪᠡ᠃ ᠪᠦᠬᠦ ᠨᠡᠶᠢᠬᠡᠮ ᠤᠨ ᠰᠣᠳᠣᠯᠣᠨ | ᠨᠡᠬᠡᠬᠡᠬᠦ ᠵᠠᠷᠣᠳᠠᠯ ᠤᠨ ᠣᠷᠣᠭᠤᠯᠣᠯᠲᠠ ᠶᠢ 26.8 ᠳ᠋ᠦᠡᠭᠰᠢᠭᠤᠷ ᠲᠦᠭᠦᠷᠢᠭ ᠣᠷᠣᠭᠤᠯᠵᠣ᠂ ᠲᠣᠰᠬᠠᠢ ᠠᠰᠢᠭ ᠤᠨ ᠡᠷᠬᠡ ᠣᠯᠭᠤᠭᠰᠠᠨ ᠬᠡᠮᠵᠢᠶ᠎ᠡ 24.1% ᠪᠠᠷ | ᠨᠡᠮᠡᠭᠳᠡᠵᠦ᠂ ᠳᠡᠭᠡᠲᠦ ᠰᠢᠨ᠎ᠡ ᠮᠡᠷᠭᠡᠵᠢᠯ ᠤᠨ ᠠᠵᠣ ᠠᠬᠤᠶᠢᠯᠠᠯ 180 ᠡᠷᠦᠬᠡ ᠳᠤ ᠬᠦᠷᠴᠦ᠂ ᠦᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠲᠣᠷᠰᠢᠯᠲᠠ ᠶᠢᠨ | ᠲᠠᠰᠤᠭ᠂ ᠢᠨᠵᠧᠨᠧᠷᠢᠩ ᠤᠨ ᠮᠡᠷᠭᠡᠵᠢᠯ ᠤᠨ ᠰᠣᠳᠣᠯᠣᠯ ᠤᠨ ᠲᠦᠪ ᠲᠣᠰ ᠲᠣᠰ 79 ᠡᠷᠦᠬᠡ ᠪᠠ 86 ᠡᠷᠦᠬᠡ ᠳᠤ ᠬᠦᠷᠪᠠ᠃ | ︵ᠭᠤᠷᠪᠠ︶ ᠦᠷᠭᠦᠯᠵᠢᠯᠡᠨ ᠬᠦᠭᠵᠢᠬᠦ ᠴᠢᠳᠠᠪᠣᠷᠢ ᠢᠯᠡᠳᠲᠡ ᠨᠡᠮᠡᠭᠳᠡᠪᠡ᠃ ᠪᠡᠯᠡ ᠣᠷᠣᠭᠤᠯᠣᠯᠲᠠ ᠪᠣᠯᠣᠨ ᠲᠦᠷᠦᠯ ᠵᠦᠢᠯ ᠤᠨ ᠪᠦᠲᠦᠭᠡᠨ | ᠪᠠᠶᠢᠭᠤᠯᠣᠯᠲᠠ ᠶᠢᠨ ᠡᠷᠴᠢᠮ ᠢ ᠨᠡᠮᠡᠭᠳᠡᠭᠦᠯᠪᠡ᠃ ᠴᠢᠬᠤᠯᠠ ᠶᠡᠭᠡ ᠲᠦᠷᠦᠯ ᠵᠦᠢᠯ ᠢ ᠲᠣᠰᠬᠠᠢ ᠵᠦᠢᠯ ᠢᠶᠠᠷ ᠲᠦᠯᠬᠢᠨ ᠠᠬᠢᠭᠤᠯᠬᠤ ᠲᠣᠭᠲᠠᠴᠠ ᠶᠢ ᠪᠠᠶᠢᠭᠤᠯᠵᠣ᠂ ᠪᠦᠬᠦ | ᠣᠷᠣᠨ ᠤ ᠴᠢᠬᠤᠯᠠ ᠶᠡᠭᠡ ᠲᠦᠷᠦᠯ ᠵᠦᠢᠯ ᠤᠨ ᠬᠡᠷᠡᠭᠵᠢᠭᠦᠯᠬᠦ ᠲᠦᠯᠦᠪᠯᠡᠯᠭᠡ ᠳᠤ ᠵᠢᠭᠰᠠᠭᠠᠭᠰᠠᠨ ᠲᠦᠷᠦᠯ ᠵᠦᠢᠯ 623 ᠪᠠᠶᠢᠵᠣ᠂ 4647.2 ᠳ᠋ᠦᠡᠭᠰᠢᠭᠤᠷ | ᠲᠦᠭᠦᠷᠢᠭ ᠤᠨ ᠪᠡᠯᠡ ᠣᠷᠣᠭᠤᠯᠣᠯᠲᠠ ᠶᠢ ᠪᠡᠶᠡᠯᠡᠭᠦᠯᠪᠠ᠃ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠴᠢᠬᠤᠯᠠ ᠶᠡᠭᠡ ᠰᠢᠪᠲᠣᠯᠣᠯᠲᠠ ᠲᠠᠢ ᠪᠣᠯᠵᠣ᠂ | ᠵᠦᠡᠭ ᠲᠢᠶᠠᠨ ᠡᠾᠧ ᠴᠣᠸᠠᠩ ᠤᠨ 360 ᠲᠦᠮᠡᠨ ᠲᠣᠨ ᠮᠧᠲ᠋ᠢᠯ ᠠᠯᠺᠣᠣᠯ ᠵᠡᠷᠭᠡ 13 ᠭᠤᠣᠯᠳᠠᠯᠭ᠎ᠠ ᠲᠠᠢ ᠲᠦᠷᠦᠯ ᠵᠦᠢᠯ ᠣᠯᠣᠰ ᠤᠨ ᠬᠢᠨᠠᠨ ᠵᠦᠪᠰᠢᠶᠡᠷᠡᠯ ᠢ | ᠣᠯᠵᠣ᠂ 200 ᠳ᠋ᠦᠡᠭᠰᠢᠭᠤᠷ ᠪᠣᠰᠤᠭ᠎ᠠ ᠳᠦᠷᠪᠡᠯᠵᠢᠨ ᠮᠧᠲᠷ ᠪᠦᠬᠦᠢ ᠨᠡᠭᠦᠷᠡᠰᠦ ᠶᠢ ᠬᠡᠢ ᠪᠣᠯᠭᠠᠵᠣ᠂ ᠢ ᠲᠠᠢ ᠶᠢᠨ 200 ᠲᠦᠮᠡᠨ ᠨᠡᠭᠦᠷᠡᠰᠦ ᠪᠠᠷ ᠲᠣᠰᠣ ᠬᠢᠬᠦ | ᠵᠡᠷᠭᠡ 14 ᠭᠤᠣᠯᠳᠠᠯᠭ᠎ᠠ ᠲᠠᠢ ᠲᠦᠷᠦᠯ ᠵᠦᠢᠯ ᠭᠠᠷᠳᠠᠨ ᠡᠬᠢᠯᠡᠭᠦᠯᠬᠦ ᠳᠡᠭᠡᠨ ᠣᠷᠣᠵᠣ᠂ ᠪᠡᠯᠡ ᠣᠷᠣᠭᠤᠯᠣᠯᠲᠠ ᠶᠢᠨ ᠶᠡᠷᠦᠩᠬᠡᠢ ᠬᠡᠪᠴᠢᠶ᠎ᠡ ᠨᠢ 2700 ᠳ᠋ᠦᠡᠭᠰᠢᠭᠤᠷ | ᠲᠦᠭᠦᠷᠢᠭ ᠪᠣᠯᠣᠭᠰᠠᠨ ᠪᠠᠶᠢᠨ᠎ᠠ᠃ ᠡᠬᠢ ᠪᠠᠶᠠᠯᠢᠭ ᠢ ᠬᠠᠶᠢᠨ ᠪᠠᠶᠢᠴᠠᠭᠠᠬᠤ ᠡᠷᠴᠢᠮ ᠢ ᠨᠡᠮᠡᠭᠳᠡᠭᠦᠯᠵᠦ᠂ ᠨᠡᠭᠦᠷᠦᠰᠦᠨ ᠤ ᠡᠬᠢ ᠪᠠᠶᠠᠯᠢᠭ ᠤᠨ ᠬᠠᠶᠢᠨ ᠢᠯᠡᠷᠡᠭᠦᠯᠦᠭᠰᠡᠨ | ᠬᠠᠳᠠᠭᠠᠯᠠᠭᠳᠠᠴᠠ ᠶᠢ 450 ᠳ᠋ᠦᠡᠭᠰᠢᠭᠤᠷ ᠲᠣᠨ ᠰᠢᠨ᠎ᠡ ᠪᠠᠷ ᠨᠡᠮᠡᠭᠳᠡᠬᠦᠯᠪᠡ᠃ ᠵᠠᠮ ᠬᠠᠷᠢᠯᠴᠠᠭ᠎ᠠ᠂ ᠣᠰᠣᠨ ᠠᠰᠢᠭᠯᠠᠯᠲᠠ᠂ ᠴᠠᠬᠢᠯᠭᠠᠨ ᠬᠦᠴᠦᠨ ᠵᠡᠷᠭᠡ ᠰᠠᠭᠤᠷᠢ | ᠪᠡᠯᠡᠳᠭᠡᠮᠵᠢ ᠶᠢᠨ ᠪᠦᠲᠦᠭᠡᠨ ᠪᠠᠶᠢᠭᠤᠯᠣᠯᠲᠠ ᠶᠢ ᠲᠦᠷᠭᠡᠳᠬᠡᠪᠡ᠃ ᠵᠠᠰᠠᠮᠠᠯ ᠵᠠᠮ ᠤᠨ ᠪᠦᠲᠦᠭᠡᠨ ᠪᠠᠶᠢᠭᠤᠯᠣᠯᠲᠠ ᠳᠤ 656 ᠳ᠋ᠦᠡᠭᠰᠢᠭᠤᠷ ᠲᠦᠭᠦᠷᠢᠭ ᠤᠨ ᠪᠡᠯᠡ | ᠣᠷᠣᠭᠤᠯᠣᠯᠲᠠ ᠶᠢ ᠪᠡᠶᠡᠯᠡᠭᠦᠯᠵᠦ᠂ ᠣᠷᠣᠨ ᠠᠴᠠ ᠭᠠᠷᠬᠤ 30 ᠵᠣᠷᠪᠣᠰ ᠳᠡᠭᠡᠲᠦ ᠳᠡᠰ ᠤᠨ ᠵᠠᠰᠠᠮᠠᠯ ᠵᠠᠮ ᠢ ᠪᠦᠬᠦᠨ ᠢ ᠨᠡᠪᠲᠡᠷᠡᠭᠦᠯᠵᠦ᠂ ᠳᠡᠭᠡᠲᠦ ᠬᠤᠷᠳᠣ ᠶᠢᠨ | ᠵᠠᠰᠠᠮᠠᠯ ᠵᠠᠮ ᠤᠨ ᠣᠷᠳᠣ 4080 ᠺᠢᠯᠣᠮᠧᠲᠷ ᠲᠤ ᠬᠦᠷᠴᠦ᠂ ᠨᠢᠭᠡᠲᠦᠭᠡᠷ ᠳᠡᠰ ᠤᠨ ᠵᠠᠰᠠᠮᠠᠯ ᠵᠠᠮ 5578 ᠺᠢᠯᠣᠮᠧᠲᠷ ᠲᠤ ᠬᠦᠷᠴᠦ᠂ ᠪᠠᠷᠣᠭᠰᠢᠨ ᠱᠦᠢᠨᠢ ᠵᠠᠮ | ᠨᠡᠪᠲᠡᠷᠡᠭᠰᠡᠨ ᠭᠠᠴᠠᠭ᠎ᠠ ᠲᠣᠰᠬᠤᠨ ᠢ 1021 ᠶᠢ ᠰᠢᠨ᠎ᠡ ᠪᠠᠷ ᠨᠡᠮᠡᠭᠳᠡᠭᠦᠯᠪᠡ᠃ ᠲᠡᠮᠦᠷ ᠵᠠᠮ ᠤᠨ ᠪᠦᠲᠦᠭᠡᠨ ᠪᠠᠶᠢᠭᠤᠯᠣᠯᠲᠠ ᠳᠤ 140 ᠳ᠋ᠦᠡᠭᠰᠢᠭᠤᠷ | ᠲᠦᠭᠦᠷᠢᠭ ᠤᠨ ᠪᠡᠯᠡ ᠣᠷᠣᠭᠤᠯᠣᠯᠲᠠ ᠶᠢ ᠪᠡᠶᠡᠯᠡᠭᠦᠯᠵᠦ᠂ 700 ᠺᠢᠯᠣᠮᠧᠲᠷ ᠲᠡᠮᠦᠷ ᠵᠠᠮ ᠢ ᠰᠢᠨ᠎ᠡ ᠪᠠᠷ ᠪᠠᠶᠢᠭᠤᠯᠵᠣ᠂ ᠲᠡᠮᠦᠷ ᠵᠠᠮ ᠤᠨ ᠲᠡᠭᠡᠭᠡᠪᠦᠷᠢ ᠡᠵᠡᠩᠨᠡᠭᠰᠡᠨ | ᠶᠡᠷᠦᠩᠬᠡᠢ ᠣᠷᠲᠣ 1.1 ᠲᠦᠮᠡᠨ ᠺᠢᠯᠣᠮᠧᠲᠷ ᠲᠤ ᠬᠦᠷᠴᠦ᠂ ᠪᠦᠬᠦ ᠣᠯᠣᠰ ᠤᠨ ᠲᠡᠷᠢᠭᠦᠨ ᠪᠠᠶᠢᠷᠢᠨ ᠳᠤ ᠣᠷᠣᠪᠠ᠃ ᠨᠢᠰᠭᠡᠯ ᠤᠨ ᠪᠠᠭᠤᠳᠠᠯ ᠤᠨ ᠪᠦᠲᠦᠭᠡᠨ | ᠪᠠᠶᠢᠭᠤᠯᠣᠯᠲᠠ ᠳᠤ16 ᠳ᠋ᠦᠡᠭᠰᠢᠭᠤᠷ ᠲᠦᠭᠦᠷᠢᠭ ᠤᠨ ᠪᠡᠯᠡ ᠣᠷᠣᠭᠤᠯᠣᠯᠲᠠ ᠶᠢ ᠪᠡᠶᠡᠯᠡᠭᠦᠯᠵᠦ᠂ 60% ᠪᠠᠷ ᠨᠡᠮᠡᠭᠳᠡᠨ᠂ ᠠᠯᠠᠱᠠ ᠶᠢᠨ ᠵᠢᠵᠢᠭ ᠬᠡᠯᠪᠡᠷᠢ ᠶᠢᠨ | ᠨᠢᠰᠭᠡᠯ ᠤᠨ ᠪᠠᠭᠤᠳᠠᠯ ᠤᠨ ᠠᠶᠠᠯᠠᠯ ᠢ ᠨᠡᠪᠲᠡᠷᠡᠭᠦᠯᠵᠦ᠂ ᠦᠪᠦᠷ ᠮᠣᠩᠭᠤᠯ ᠤᠨ ᠠᠭᠠᠷ ᠤᠨ ᠲᠡᠭᠡᠭᠡᠪᠦᠷᠢ ᠶᠢᠨ ᠺᠣᠮᠫᠠᠨᠢ ᠠᠰᠢᠭᠯᠠᠯᠲᠠ ᠳᠤ ᠣᠷᠣᠵᠣ ᠲᠡᠭᠡᠭᠡᠪᠦᠷᠢ | ᠡᠵᠡᠩᠨᠡᠨ᠂ ᠪᠦᠬᠦ ᠣᠷᠣᠨ ᠤ ᠨᠢᠰᠭᠡᠯ ᠤᠨ ᠪᠠᠭᠤᠳᠠᠯ ᠤᠨ ᠶᠡᠷᠦᠩᠬᠡᠢ ᠲᠤᠭ᠎ᠠ 18 ᠳᠤ ᠬᠦᠷᠪᠡ᠃ ᠣᠰᠣᠨ ᠠᠰᠢᠭᠯᠠᠯᠲᠠ ᠶᠢᠨ ᠪᠦᠲᠦᠭᠡᠨ ᠪᠠᠶᠢᠭᠤᠯᠣᠯᠲᠠ ᠳᠤ 130 | ᠳ᠋ᠦᠡᠭᠰᠢᠭᠤᠷ ᠲᠦᠭᠦᠷᠢᠭ ᠤᠨ ᠪᠡᠯᠡ ᠣᠷᠣᠭᠤᠯᠣᠯᠲᠠ ᠶᠢ ᠪᠡᠶᠡᠯᠡᠭᠦᠯᠵᠦ᠂ ᠬᠠᠶᠢᠷᠦᠪ ᠤᠨ ᠲᠣᠬᠤᠢ ᠶᠢᠨ ᠣᠰᠣᠨ ᠠᠰᠢᠭᠯᠠᠯᠲᠠ ᠶᠢᠨ ᠵᠠᠩᠭᠢᠯᠠᠭ᠎ᠠ ᠵᠡᠷᠭᠡ ᠭᠤᠣᠯᠳᠠᠯᠭ᠎ᠠ | ᠲᠠᠢ ᠣᠰᠣ ᠠᠰᠢᠭᠯᠠᠯᠲᠠ ᠶᠢᠨ ᠪᠠᠷᠢᠯᠭ᠎ᠠ ᠣᠷᠣᠭᠰᠢᠲᠠᠢ ᠠᠬᠢᠪᠠ᠃ ᠴᠠᠬᠢᠯᠭᠠᠨ ᠬᠦᠴᠦᠨ ᠤ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠣᠯᠲᠠ ᠶᠢ | ᠲᠡᠭᠦᠯᠳᠡᠷᠵᠢᠭᠦᠯᠵᠦ᠂ ᠬᠦᠳᠡᠭᠡ ᠲᠣᠰᠬᠤᠨ ᠤ ᠴᠠᠬᠢᠯᠭᠠᠨ ᠤ ᠲᠣᠣᠷ ᠤᠨ ᠥᠭᠡᠷᠡᠴᠢᠯᠡᠵᠦ ᠳᠡᠰ ᠳᠡᠪᠰᠢᠭᠦᠯᠬᠦ ᠶᠢ ᠲᠦᠷᠭᠡᠳᠭᠡᠨ᠂ ᠲᠠᠷᠢᠶᠠᠯᠠᠬᠤ ᠮᠠᠯᠵᠢᠬᠤ ᠣᠷᠣᠨ ᠤ | ᠡᠷᠦᠬᠡ ᠪᠣᠯᠭᠠᠨ ᠳᠤ ᠴᠠᠬᠢᠯᠭᠠᠨ ᠨᠡᠪᠲᠡᠷᠡᠭᠦᠯᠬᠦ ᠶᠢ ᠦᠨᠳᠦᠰᠦᠨ ᠳᠡᠭᠡᠨ ᠪᠡᠶᠡᠯᠡᠭᠦᠯᠪᠡ᠃ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠡᠬᠢ ᠪᠠᠶᠠᠯᠢᠭ ᠢ | ᠠᠷᠪᠢᠯᠠᠵᠣ ᠠᠰᠢᠭᠯᠠᠬᠤ ᠶᠢ ᠴᠢᠩᠭᠠᠳᠬᠠᠪᠠ᠃ ᠭᠤᠣᠯᠳᠠᠯᠭ᠎ᠠ ᠲᠠᠢ ᠠᠮᠢ ᠠᠬᠤᠢ ᠶᠢᠨ ᠲᠦᠷᠦᠯ ᠵᠦᠢᠯ ᠢ ᠬᠡᠷᠡᠭᠵᠢᠭᠦᠯᠵᠦ᠂ ᠣᠢ ᠰᠢᠭᠤᠢ ᠶᠢᠨ ᠲᠠᠯᠠᠪᠠᠢ ᠶᠢ 1205 | ᠲᠦᠮᠡᠨ ᠮᠦ ᠪᠡᠶᠡᠯᠡᠭᠦᠯᠵᠦ᠂ ᠡᠭᠦᠨ ᠳᠤ ᠵᠢᠷᠭᠤᠭᠠᠨ ᠲᠣᠮᠣ ᠭᠤᠣᠯᠳᠠᠯᠭ᠎ᠠ ᠲᠠᠢ ᠣᠷᠣᠨ ᠪᠦᠰᠡ 196 ᠲᠦᠮᠡᠨ ᠮᠦ ᠮᠣᠳᠣ ᠲᠠᠷᠢᠵᠣ ᠣᠶᠢᠵᠢᠭᠤᠯᠪᠠ᠃ ᠨᠣᠲᠤᠭ | ᠪᠡᠯᠴᠢᠭᠡᠷ ᠤᠨ ᠠᠮᠢ ᠠᠬᠤᠢ ᠶᠢᠨ ᠲᠣᠰᠠᠯᠠᠵᠣ ᠱᠠᠩᠨᠠᠬᠤ ᠲᠣᠭᠲᠠᠴᠠ ᠶᠢ ᠨᠠᠶᠢᠳᠠᠪᠣᠷᠢᠵᠢᠭᠤᠯᠣᠨ᠂ ᠱᠠᠲᠣ ᠦᠶ᠎ᠡ ᠶᠢᠨ ᠴᠢᠨᠠᠷᠲᠠᠢ ᠮᠠᠯᠵᠢᠬᠤ ᠶᠢ ᠴᠠᠭᠠᠵᠠᠯᠠᠬᠤ ᠪᠠ ᠮᠠᠯ | ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠨᠣᠲᠤᠭ ᠪᠡᠯᠴᠢᠭᠡᠷ ᠤᠨ ᠪᠦᠲᠦᠭᠡᠨ ᠪᠠᠶᠢᠭᠤᠯᠣᠯᠲᠠ ᠶᠢᠨ ᠶᠡᠷᠦᠩᠬᠡᠢ ᠬᠡᠪᠴᠢᠶ᠎ᠡ | 5307.3 ᠲᠦᠮᠡᠨ ᠮᠦ ᠪᠠᠶᠢᠵᠣ᠂ ᠨᠣᠲᠤᠭ ᠪᠡᠯᠴᠢᠭᠡᠷ ᠤᠨ ᠳᠣᠮᠳᠠᠴᠢ ᠣᠷᠭᠤᠮᠠᠯ ᠤᠨ ᠬᠤᠴᠢᠯᠭ᠎ᠠ ᠶᠢᠨ ᠪᠦᠷᠬᠦᠴᠡ 44.1% ᠪᠣᠯᠵᠣ᠂ ᠵᠠᠭᠤᠨ ᠤ ᠨᠢᠭᠡᠴᠢ ᠶᠢᠨ | 1 ᠪᠠᠷ ᠳᠡᠭᠡᠭᠰᠢᠯᠡᠵᠦ᠂ ᠬᠦᠷᠦᠰᠦ ᠰᠢᠷᠣᠢ ᠶᠢ ᠬᠠᠮᠠᠭᠠᠯᠠᠬᠤ ᠶᠡᠷᠦᠩᠬᠡᠶᠢᠯᠡᠨ ᠵᠠᠰᠠᠬᠤ ᠲᠠᠯᠠᠪᠠᠢ ᠶᠢ 650 ᠲᠦᠮᠡᠨ ᠮᠦ ᠪᠡᠶᠡᠯᠡᠭᠦᠯᠪᠡ᠃ ᠪᠡᠭᠡᠵᠢᠩ ᠲᠢᠶᠠᠨᠵᠢᠨ ᠡᠾᠧᠪᠸᠢ | ᠬᠢᠭᠡᠳ ᠣᠷᠴᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠳᠣᠯ ᠢ ᠰᠡᠷᠭᠡᠶᠢᠯᠡᠨ ᠵᠠᠰᠠᠬᠤ ᠠᠵᠢᠯᠠᠯᠭ᠎ᠠ ᠶᠢᠨ ᠲᠦᠯᠦᠪᠯᠡᠯᠭᠡ ᠶᠢ ᠬᠢᠨᠠᠮᠠᠭᠠᠢ | ᠨᠠᠶᠢᠳᠠᠪᠣᠷᠢᠵᠢᠭᠤᠯᠣᠨ᠂ ᠭᠤᠣᠯᠳᠠᠯᠭ᠎ᠠ ᠲᠠᠢ ᠰᠠᠪᠠ ᠭᠠᠵᠠᠷ ᠤᠨ ᠣᠰᠣᠨ ᠤ ᠪᠣᠬᠢᠷᠳᠣᠯ᠂ ᠬᠦᠨᠳᠦ ᠲᠡᠮᠦᠷᠯᠢᠭ ᠤᠨ ᠪᠣᠬᠢᠷᠳᠣᠯ ᠢ ᠰᠡᠷᠭᠡᠶᠢᠯᠡᠨ ᠵᠠᠰᠠᠬᠤ ᠪᠠ ᠭᠤᠣᠯᠳᠠᠯᠭ᠎ᠠ | ᠲᠠᠢ ᠣᠷᠣᠨ ᠪᠦᠰᠡ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠲᠦᠯᠬᠢᠨ ᠠᠬᠢᠭᠤᠯᠵᠣ᠂ ᠣᠷᠴᠢᠯ ᠠᠵᠣ ᠠᠬᠤᠢ ᠶᠢ ᠶᠡᠬᠡᠪᠡᠷ ᠬᠦᠭᠵᠢᠭᠦᠯᠦᠨ᠂ | ᠬᠤᠴᠣᠷᠣᠩᠭᠤᠢ ᠦᠢᠯᠡᠳᠪᠦᠷᠢᠯᠡᠬᠦ ᠴᠢᠳᠠᠪᠣᠷᠢ ᠶᠢ ᠲᠦᠷᠭᠡᠳᠭᠡᠨ ᠰᠢᠭᠰᠢᠭᠳᠡᠭᠦᠯᠵᠦ᠂ ᠨᠢᠭᠡᠴᠢ ᠦᠢᠯᠡᠳᠪᠦᠷᠢᠯᠡᠯ ᠤᠨ ᠶᠡᠷᠦᠩᠬᠡᠢ ᠦᠷᠲᠡᠭ ᠲᠠᠬᠢ ᠡᠨᠧᠷᠬᠢ ᠶᠢᠨ | ᠬᠤᠷᠣᠭᠳᠠᠭᠤᠯᠭ᠎ᠠ ᠪᠣᠯᠣᠨ ᠨᠡᠭᠦᠷᠡᠰᠦᠳᠦᠷᠦᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠬᠤ ᠬᠡᠮᠵᠢᠶ᠎ᠡ ᠶᠢ ᠲᠣᠰ ᠲᠣᠰ 4.5% ᠪᠠ 5% ᠪᠠᠷ ᠪᠠᠭᠤᠷᠠᠭᠤᠯᠵᠣ᠂ | ᠣᠯᠣᠰ ᠤᠨ ᠪᠠᠭᠤᠯᠭᠠᠭᠰᠠᠨ ᠬᠠᠷᠠᠯᠲᠠ ᠶᠢᠨ ᠡᠭᠦᠷᠬᠡ ᠶᠢ ᠳᠠᠪᠠᠭᠤᠯᠣᠨ ᠪᠡᠶᠡᠯᠡᠭᠦᠯᠪᠡ᠃ ᠭᠠᠵᠠᠷ ᠰᠢᠷᠣᠢ᠂ ᠣᠰᠣ ᠬᠢᠭᠡᠳ ᠠᠭᠤᠷᠠᠬᠠᠢ ᠶᠢᠨ ᠭᠠᠷᠣᠯᠲᠠ ᠶᠢᠨ ᠡᠬᠢ | ᠪᠠᠶᠠᠯᠢᠭ ᠤᠨ ᠬᠠᠮᠢᠶᠠᠷᠣᠯᠲᠠ ᠶᠢ ᠴᠢᠩᠳᠠᠯᠠᠵᠣ᠂ ᠡᠬᠢ ᠪᠠᠶᠠᠯᠢᠭ ᠢ ᠶᠡᠷᠦᠩᠬᠡᠶᠢᠯᠡᠨ ᠨᠡᠬᠡᠬᠡᠨ ᠠᠰᠢᠭᠯᠠᠬᠤ ᠬᠢᠷᠢ ᠬᠡᠮᠵᠢᠶ᠎ᠡ ᠣᠯᠠᠮ ᠨᠢᠭᠡ ᠠᠯᠬᠤᠮ ᠳᠡᠭᠡᠭᠰᠢᠯᠡᠪᠠ᠃ | ︵ᠳᠦᠷᠪᠡ︶ ᠥᠭᠡᠷᠡᠴᠢᠯᠡᠯᠲᠡ ᠨᠡᠬᠡᠬᠡᠯᠲᠡ ᠲᠠᠰᠣᠷᠠᠯᠲᠠ ᠦᠭᠡᠢ ᠭᠦᠨᠵᠡᠭᠡᠶᠢᠷᠡᠪᠡ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠳᠦᠷᠢᠮ ᠤᠨ | ᠥᠭᠡᠷᠡᠴᠢᠯᠡᠯᠲᠡ ᠶᠢ ᠲᠦᠷᠭᠡᠳᠭᠡᠨ᠂ ᠵᠠᠰᠠᠭ ᠢ ᠶᠡᠬᠡᠪᠡᠷ ᠴᠣᠮᠬᠠᠳᠬᠠᠨ ᠡᠷᠬᠡ ᠶᠢ ᠲᠠᠯᠪᠢᠵᠣ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯᠡᠰ ᠢ 103 ᠶᠢ | ᠬᠦᠴᠦᠨ ᠦᠭᠡᠢ ᠪᠣᠯᠭᠠᠭᠰᠠᠨ ᠪᠠ ᠳᠣᠷᠣᠭᠰᠢ ᠪᠠᠭᠤᠯᠭᠠᠵᠣ᠂ ᠡᠯ᠎ᠡ ᠲᠦᠷᠦᠯ ᠤᠨ ᠰᠦᠢᠳᠭᠡᠯ ᠬᠤᠷᠢᠶᠠᠬᠤ 116 ᠵᠦᠢᠯᠡᠰ ᠢ ᠢᠯᠭᠠᠷᠠᠭᠤᠯᠣᠨ ᠵᠢᠷᠣᠮᠵᠢᠭᠤᠯᠪᠠ᠃ | ᠣᠯᠣᠰ ᠤᠨ ᠦᠮᠴᠢᠯᠡᠯᠲᠦ ᠬᠦᠷᠦᠩᠬᠡ ᠶᠢ ᠳᠠᠬᠢᠨ ᠵᠣᠬᠢᠶᠠᠨ ᠪᠠᠶᠢᠭᠤᠯᠬᠤ ᠪᠠ ᠲᠣᠬᠢᠷᠠᠭᠤᠯᠬᠤ ᠶᠢ ᠲᠦᠷᠭᠡᠳᠭᠡᠨ᠂ ᠦᠪᠡᠷᠲᠡᠭᠡᠨ ᠵᠠᠰᠠᠬᠤ ᠣᠷᠣᠨ ᠤ ᠭᠠᠵᠠᠷ | ᠰᠢᠨᠵᠢᠯᠡᠭᠡᠨ ᠤ ᠠᠭᠤᠷᠬᠠᠢ ᠶᠢᠨ ᠦᠢᠯᠡᠰ ᠡᠨᠧᠷᠬᠢ ᠶᠢᠨ ᠪᠦᠲᠦᠭᠡᠨ ᠪᠠᠶᠢᠭᠤᠯᠣᠯᠲᠠ᠂ ᠵᠠᠮ ᠬᠠᠷᠢᠯᠴᠠᠭᠠᠨ ᠤ ᠪᠡᠯᠡ ᠣᠷᠣᠭᠤᠯᠣᠯᠲᠠ ᠵᠡᠷᠭᠡ ᠭᠤᠷᠪᠠᠨ ᠶᠡᠭᠡ ᠪᠦᠯᠦᠭᠯᠡᠯ ᠢ | ᠵᠣᠬᠢᠶᠠᠨ ᠪᠠᠶᠢᠭᠤᠯᠵᠣ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠪᠠᠶᠢᠭᠤᠯᠣᠯᠲᠠ ᠶᠢᠨ ᠲᠦᠰᠦᠯ ᠢ ᠰᠣᠳᠣᠯᠣᠨ ᠨᠡᠶᠢᠳᠡᠯᠡᠵᠦ᠂ ᠰᠢᠣᠳᠠᠨ ᠬᠤᠯᠪᠣᠭ᠎ᠠ ᠬᠢᠭᠡᠳ | ᠲᠡᠮᠦᠷ ᠵᠠᠮ ᠤᠨ ᠲᠡᠭᠡᠭᠡᠪᠦᠷᠢ ᠶᠢᠨ ᠦᠢᠯᠡᠰ ᠤᠨ ᠡᠵᠡᠩᠨᠡᠯᠲᠡ ᠶᠢᠨ ᠭᠠᠶᠢᠯᠢ ᠶᠢ ᠦᠷᠲᠡᠭ ᠨᠡᠮᠡᠭᠳᠡᠯ ᠤᠨ ᠭᠠᠶᠢᠯᠢ ᠪᠣᠯᠭᠠᠨ ᠦᠭᠡᠷᠴᠢᠯᠡᠬᠦ ᠲᠣᠷᠰᠢᠯᠲᠠ ᠶᠢᠨ ᠴᠢᠭ᠋ ᠤᠨ | ᠠᠵᠢᠯ ᠢ ᠡᠬᠢᠯᠡᠭᠦᠯᠵᠦ᠂ ᠡᠬᠢ ᠪᠠᠶᠠᠯᠢᠭ ᠤᠨ ᠭᠠᠶᠢᠯᠢ ᠵᠢᠨᠥᠭᠡᠷᠡᠴᠢᠯᠡᠯᠲᠡ ᠶᠢᠨ ᠡᠷᠴᠢᠮ ᠢ ᠨᠡᠮᠡᠭᠳᠡᠭᠦᠯᠪᠡ᠃ ᠬᠤᠲᠠ ᠬᠦᠳᠡᠭᠡ ᠶᠢ ᠨᠢᠭᠡᠳᠦᠯᠲᠡᠢ ᠲᠦᠯᠦᠪᠯᠡᠨ | ᠬᠦᠭᠵᠢᠭᠦᠯᠬᠦ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠡᠷᠬᠡ ᠶᠢ ᠦᠷᠭᠡᠳᠭᠡᠨ ᠰᠢᠶᠠᠨ ᠢ ᠬᠦᠴᠦᠷᠬᠡᠭᠵᠢᠭᠦᠯᠬᠦ︾ ᠪᠠ ᠲᠠᠷᠢᠶᠠᠯᠠᠬᠤ ᠮᠠᠯᠵᠢᠬᠤ | ᠣᠷᠣᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠣᠷᠰᠢᠯᠲᠠ ᠶᠢᠨ ᠴᠢᠭ᠋ ᠤᠨ ᠠᠵᠢᠯ ᠢ ᠦᠷᠨᠢᠭᠦᠯᠵᠦ᠂ ᠨᠡᠶᠢᠬᠡᠮ ᠤᠨ ᠦᠢᠯᠡᠰ ᠤᠨ ᠬᠦᠷᠢᠶᠡᠨ ᠤ | ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠲᠣᠲᠣᠭᠠᠳᠣ ᠭᠠᠳᠠᠭᠠᠳᠣ ᠨᠡᠬᠡᠬᠡᠯᠲᠡ ᠶᠢ ᠣᠯᠠᠮ ᠨᠢᠭᠡ ᠠᠯᠬᠤᠮ ᠦᠷᠭᠡᠳᠭᠡᠨ᠂ ᠦᠪᠦᠷ ᠮᠣᠩᠭᠤᠯ | ᠭᠤᠸᠠᠩᠳᠦ᠋ᠡᠭ ᠤᠨ ᠰᠢᠨᠵᠢᠯᠡᠬᠦ ᠣᠬᠠᠭᠠᠨ ᠮᠡᠷᠭᠡᠵᠢᠯ ᠤᠨ ᠬᠤᠷᠰᠢᠯᠴᠠᠭᠠᠨ ᠤ ᠠᠵᠢᠯᠠᠯᠭ᠎ᠠ ᠶᠢᠨ ᠭᠠᠷᠠᠭ᠂ ᠦᠪᠦᠷ ᠮᠣᠩᠭᠤᠯ ᠰᠢᠶᠠᠩᠭᠠᠡᠭ ᠣᠣᠮᠧᠨ ᠤ ᠠᠵᠣ ᠠᠬᠤᠢ | ᠠᠷᠠᠯᠵᠢᠶᠠᠨ ᠤ ᠬᠤᠷᠰᠢᠯᠴᠠᠭᠠᠨ ᠤ ᠭᠠᠷᠠᠭ ᠪᠣᠯᠣᠨ ᠵᠡᠭᠦᠨ ᠬᠤᠶᠢᠲᠣ ᠶᠢᠨ ᠳᠦᠷᠪᠡᠨ ᠮᠣᠵᠢ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠶᠢᠨ ᠬᠠᠮᠲᠣᠷᠠᠭᠰᠠᠨ | ᠬᠤᠷᠠᠯᠳᠣᠭᠠᠨ ᠢ ᠠᠮᠵᠢᠯᠲᠠ ᠲᠠᠢ ᠡᠷᠬᠢᠯᠡᠵᠦ᠂ ᠣᠯᠣᠰ ᠤᠨ ᠲᠣᠲᠣᠭᠠᠲᠣ ︵ᠣᠷᠣᠨ ᠤ ᠭᠠᠳᠠᠨ᠎ᠠ︶ ᠶᠢᠨ 4400 ᠳ᠋ᠦᠡᠭᠰᠢᠭᠤᠷ ᠲᠦᠭᠦᠷᠢᠭ ᠤᠨ ᠪᠡᠯᠡ ᠮᠦᠡᠭᠭᠦ ᠶᠢ | ᠣᠷᠣᠭᠤᠯᠵᠣ ᠢᠷᠠᠨ ᠪᠣᠳᠠᠲᠠᠶᠢᠵᠢᠭᠤᠯᠵᠣ᠂ 25% ᠪᠠᠷ ᠨᠡᠮᠡᠭᠳᠡᠪᠡ᠃ ᠣᠮᠠᠷᠠᠰᠢ ᠨᠡᠬᠡᠬᠡᠯᠲᠡ ᠬᠢᠬᠦ ᠪᠠᠶᠢᠯᠳᠣᠬᠤ ᠪᠣᠳᠣᠯᠭ᠎ᠠ ᠶᠢ ᠲᠦᠷᠭᠡᠳᠭᠡᠨ ᠠᠬᠢᠭᠤᠯᠵᠣ᠂ | ᠭᠠᠳᠠᠭᠠᠳᠣ ᠠᠵᠣ ᠠᠬᠤᠢ ᠠᠷᠠᠯᠵᠢᠶ᠎ᠠ ᠪᠣᠯᠣᠨ ᠪᠣᠭᠤᠮᠲᠠ ᠶᠢᠨ ᠬᠦᠭᠵᠢᠯᠲᠡ ᠶᠢ ᠠᠬᠢᠭᠤᠯᠬᠤ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ᠂ | ᠭᠠᠳᠠᠭᠠᠲᠣ ᠠᠷᠠᠯᠵᠢᠶ᠎ᠠ ᠰᠡᠷᠭᠦᠯᠲᠡ ᠶᠢᠨ ᠴᠢᠨᠠᠷᠲᠠᠢ ᠨᠡᠮᠡᠭᠳᠡᠯ ᠢ ᠪᠡᠶᠡᠯᠡᠭᠦᠯᠵᠦ᠂ ᠭᠠᠳᠠᠭᠠᠳᠣ ᠠᠴᠠ ᠣᠷᠣᠭᠤᠯᠵᠣ ᠭᠠᠳᠠᠭᠠᠲᠣ ᠳᠤ ᠭᠠᠷᠭᠠᠬᠤ ᠶᠡᠷᠦᠩᠬᠡᠢ ᠲᠤᠭ᠎ᠠ ᠶᠢ | 120 ᠳ᠋ᠦᠡᠭᠰᠢᠭᠤᠷ ᠳ᠋ᠣᠯᠯᠠᠷ ᠪᠡᠶᠡᠯᠡᠭᠦᠯᠵᠦ᠂ 6.5% ᠣᠷᠴᠢᠮ ᠢᠶᠠᠷ ᠨᠡᠮᠡᠭᠳᠡᠪᠡ︔ ᠭᠠᠳᠠᠭᠠᠳᠣ ᠪᠡᠯᠡ ᠶᠢ 44 ᠳ᠋ᠦᠡᠭᠰᠢᠭᠤᠷ ᠳ᠋ᠣᠯᠯᠠᠷ ᠪᠣᠲᠠᠲᠠᠢ ᠠᠰᠢᠭᠯᠠᠵᠣ᠂ | 12% ᠢᠶᠠᠷ ᠨᠡᠮᠡᠭᠳᠡᠪᠡ᠃ | ︵ᠲᠠᠪᠤ︶ ᠠᠷᠠᠳ ᠤᠨ ᠠᠮᠢᠳᠣᠷᠠᠯ ᠢ ᠪᠠᠲᠣᠯᠠᠨ ᠰᠠᠶᠢᠵᠢᠷᠠᠭᠤᠯᠬᠤ ᠡᠷᠴᠢᠮ ᠢ ᠨᠡᠮᠡᠭᠳᠡᠭᠦᠯᠪᠡ᠃ ᠡᠳ᠋ ᠤᠨ ᠵᠠᠰᠠᠭ ᠤᠨ ᠣᠷᠣᠯᠭ᠎ᠠ ᠵᠠᠷᠣᠯᠭ᠎ᠠ ᠶᠢᠨ ᠵᠦᠷᠢᠴᠡᠯ | ᠳᠣᠪᠣᠶᠢᠮ᠎ᠠ ᠪᠠᠶᠢᠭ᠎ᠠ ᠪᠠᠶᠢᠳᠠᠯ ᠤᠨ ᠳᠣᠣᠷ᠎ᠠ᠂ ︽ᠠᠯᠪᠠᠨ ᠤ ᠭᠤᠷᠪᠠᠨ ᠵᠦᠢᠯ ᠤᠨ ᠵᠠᠷᠣᠳᠠᠯ︾ ᠪᠣᠯᠣᠨ ᠡᠩ ᠤᠨ ᠴᠢᠨᠠᠷᠲᠠᠢ ᠵᠠᠷᠣᠯᠭ᠎ᠠ ᠶᠢ ᠪᠠᠭᠠᠰᠬᠠᠬᠤ ᠵᠡᠷᠭᠡ ᠠᠷᠭ᠎ᠠ | ᠬᠡᠮᠵᠢᠶ᠎ᠡ ᠪᠠᠷ ᠳᠠᠮᠵᠢᠭᠤᠯᠣᠨ᠂ ᠠᠷᠠᠳ ᠤᠨ ᠠᠮᠢᠳᠣᠷᠠᠯ ᠤᠨ ᠣᠷᠣᠭᠤᠯᠣᠯᠲᠠ ᠶᠢ ᠪᠦᠬᠦ ᠬᠦᠴᠦᠨ ᠢᠶᠠᠷ ᠢᠶᠠᠨ ᠪᠠᠳᠣᠯᠠᠪᠠ᠃ ᠪᠦᠬᠦ ᠣᠷᠣᠨ ᠤ ᠡᠳ᠋ ᠤᠨ ᠵᠠᠰᠠᠭ ᠤᠨ | ᠠᠷᠠᠳ ᠤᠨ ᠠᠮᠢᠳᠣᠷᠠᠯ ᠳᠠᠬᠢ ᠵᠠᠷᠣᠯᠭ᠎ᠠ 2340 ᠳ᠋ᠦᠡᠭᠰᠢᠭᠤᠷ ᠲᠦᠭᠦᠷᠢᠭ ᠪᠠᠶᠢᠵᠣ᠂ ᠣᠯᠠᠨ ᠨᠡᠶᠢᠲᠡ ᠶᠢᠨ ᠡᠳ᠋ ᠤᠨ ᠵᠠᠰᠠᠭ ᠲᠦᠰᠦᠪ ᠤᠨ ᠵᠠᠷᠣᠯᠭ᠎ᠠ ᠶᠢᠨ 63. | 6% ᠶᠢ ᠡᠵᠡᠯᠡᠪᠡ᠃ ᠬᠤᠲᠠ ᠪᠠᠯᠭᠠᠰᠣ ᠶᠢᠨ ᠰᠠᠭᠤᠭᠠᠯᠢ ᠠᠷᠠᠳ ᠤᠨ ᠬᠦᠮᠦᠨ ᠪᠦᠷᠢ ᠶᠢᠨ ᠡᠵᠡᠮᠳᠡᠵᠦ ᠪᠣᠯᠬᠤ ᠳᠣᠮᠳᠠᠴᠢ ᠣᠷᠣᠯᠭ᠎ᠠ ᠵᠢᠱᠢᠯᠲᠡ ᠪᠠᠷ 25497 | ᠲᠦᠭᠦᠷᠢᠭ ᠪᠠᠶᠢᠵᠣ᠂ 10.1% ᠪᠠᠷ ᠨᠡᠮᠡᠭᠳᠡᠪᠡ︔ ᠮᠠᠯᠴᠢᠨ ᠲᠠᠷᠢᠶᠠᠴᠢᠨ ᠬᠦᠮᠦᠨ ᠪᠦᠷᠢ ᠶᠢᠨ ᠳᠣᠮᠳᠠᠴᠢ ᠴᠡᠪᠡᠷ ᠣᠷᠣᠯᠭ᠎ᠠ 8596 ᠲᠦᠭᠦᠷᠢᠭ ᠪᠠᠶᠢᠵᠣ᠂12. | 9% ᠪᠠᠷ ᠨᠡᠮᠡᠭᠳᠡᠵᠦ᠂ ᠴᠦᠮ ᠠᠵᠣ ᠠᠬᠤᠢ ᠶᠢᠨ ᠨᠡᠮᠡᠭᠳᠡᠯ ᠤᠨ ᠬᠤᠷᠳᠣᠴᠠ ᠶᠢ ᠳᠠᠪᠠᠪᠠ᠃ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠬᠤ ᠢᠨᠵᠧᠨᠧᠷᠢᠩ ᠢ | ᠪᠦᠬᠦ ᠲᠠᠯ᠎ᠠ ᠪᠠᠷ ᠬᠡᠷᠡᠭᠵᠢᠭᠦᠯᠪᠡ᠃ ᠠᠵᠢᠯ ᠣᠯᠭᠤᠬᠤ ᠪᠣᠯᠪᠠᠰᠣᠷᠠᠭᠤᠯᠣᠯ ᠪᠣᠯᠣᠨ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠢ ᠴᠢᠩᠭᠠᠳᠬᠠᠨ᠂ ᠳᠡᠭᠡᠳᠦ | ᠰᠣᠷᠭᠠᠭᠤᠯᠢ ᠲᠡᠭᠦᠰᠦᠭᠰᠡᠳ ᠵᠡᠷᠭᠡ ᠭᠤᠣᠯᠳᠠᠯᠭ᠎ᠠ ᠲᠠᠢ ᠬᠦᠮᠦᠰ ᠲᠤ ᠠᠵᠢᠯ ᠣᠯᠭᠤᠬᠤ ᠶᠢ ᠠᠬᠢᠭᠤᠯᠵᠣ᠂ ᠬᠤᠲᠠ ᠪᠠᠯᠭᠠᠰᠣ ᠶᠢᠨ ᠠᠵᠢᠯ ᠣᠯᠭᠤᠯᠲᠠ ᠳᠤ ᠰᠢᠨ᠎ᠡ ᠪᠠᠷ | 27.1 ᠲᠦᠮᠡᠨ ᠬᠦᠮᠦᠨ ᠨᠡᠮᠡᠭᠳᠡᠭᠦᠯᠵᠦ᠂14 ᠲᠦᠮᠡᠨ ᠳᠡᠭᠡᠳᠦ ᠰᠣᠷᠭᠠᠭᠤᠯᠢ ᠲᠡᠭᠦᠰᠭᠡᠭᠰᠡᠳ ᠲᠤ ᠠᠵᠢᠯ ᠣᠯᠭᠤᠭᠰᠠᠨ ᠪᠣᠶᠣ ᠠᠵᠢᠯ ᠣᠯᠭᠤᠬᠤ ᠬᠠᠨᠳᠣᠰᠢ ᠶᠢ ᠨᠢ | ᠨᠠᠶᠢᠳᠠᠪᠣᠷᠢᠵᠢᠭᠤᠯᠣᠨ᠂ ᠲᠠᠶᠢᠷᠶᠠᠯᠠᠬᠤ ᠮᠠᠯᠵᠢᠬᠤ ᠣᠷᠣᠨ ᠤ ᠬᠦᠳᠡᠯᠮᠦᠷᠢ ᠬᠦᠴᠦᠨ ᠢ 259.3 ᠲᠦᠮᠡᠨ ᠬᠦᠮᠦᠨ ᠣᠳᠠᠭ᠎ᠠ ᠰᠢᠯᠵᠢᠭᠦᠯᠦᠨ ᠠᠵᠢᠯ ᠣᠯᠭᠤᠵᠣ᠂ ᠠᠳᠠᠯ | ᠦᠢᠯᠡᠰ ᠴᠣᠭᠴᠠᠯᠠᠬᠤ ᠪᠠᠷ 15.37 ᠲᠦᠮᠡᠨ ᠬᠦᠮᠦᠨ ᠳᠤ ᠠᠵᠢᠯ ᠣᠯᠭᠤᠵᠣ᠂ ᠬᠤᠲᠠ ᠪᠠᠯᠭᠠᠰᠣ ᠶᠢᠨ ᠠᠵᠢᠯ ᠠᠯᠳᠠᠯᠲᠠ ᠶᠢᠨ ᠳᠠᠩᠰᠣᠯᠠᠭᠤᠯᠬᠤ ᠨᠣᠷᠮ᠎ᠠ ᠶᠢ 3. | 66% ᠶᠢᠨ ᠨᠡᠯᠢᠶᠡᠳ ᠳᠣᠣᠷ᠎ᠠ ᠬᠢᠷᠢ ᠬᠡᠮᠵᠢᠶᠡᠨ ᠳᠤ ᠬᠢᠵᠠᠭᠠᠷᠯᠠᠪᠠ᠃ ᠨᠡᠶᠢᠬᠡᠮ ᠤᠨ ᠪᠠᠲᠣᠯᠠᠭ᠎ᠠ ᠶᠢᠨ ᠬᠢᠷᠢ ᠬᠡᠮᠵᠢᠶᠡᠨ ᠶᠢ ᠯᠠᠪᠳᠠᠭᠤᠨ ᠢᠶᠠᠷ ᠳᠡᠭᠡᠭᠰᠢᠯᠡᠭᠦᠯᠪᠡ᠃ | ᠠᠵᠣ ᠠᠬᠤᠶᠢᠯᠠᠯ ᠤᠨ ᠠᠵᠢᠯ ᠠᠴᠠ ᠪᠠᠨ ᠪᠠᠭᠤᠭᠰᠠᠨ ᠬᠦᠮᠦᠰ ᠤᠨ ᠨᠠᠰᠣᠵᠢᠯ ᠶᠢ ᠮᠦᠡᠭᠭᠦ᠂ ᠬᠤᠲᠠ ᠬᠦᠳᠡᠭᠡ ᠶᠢᠨ ᠠᠮᠢᠳᠣᠷᠠᠯ ᠤᠨ ᠨᠠᠭᠠᠳᠣ ᠵᠠᠬ᠎ᠠ ᠶᠢᠨ ᠪᠠᠲᠣᠯᠠᠭ᠎ᠠ | ᠵᠡᠷᠭᠡ ᠨᠡᠶᠢᠬᠡᠮ ᠤᠨ ᠪᠠᠲᠣᠯᠠᠭ᠎ᠠ ᠶᠢᠨ ᠪᠠᠷᠢᠮᠵᠢᠶ᠎ᠠ ᠶᠢ ᠴᠦᠮ 10% ᠠᠴᠠ ᠳᠡᠭᠡᠭᠰᠢ ᠪᠠᠷ ᠳᠡᠭᠡᠭᠰᠢᠯᠡᠭᠦᠯᠵᠦ ᠬᠤᠲᠠ ᠬᠦᠳᠡᠭᠡ ᠶᠢᠨ ᠠᠮᠢᠳᠣᠷᠠᠯ ᠨᠠᠭᠠᠳᠣ ᠵᠠᠬ᠎ᠠ ᠶᠢᠨ | ᠪᠠᠲᠣᠯᠠᠭ᠎ᠠ᠂ ᠲᠠᠷᠢᠶᠠᠯᠠᠬᠤ ᠮᠠᠯᠵᠢᠬᠤ ᠣᠷᠣᠨ ᠣᠷᠣᠨ ᠤ ︽ᠲᠠᠪᠣᠨ ᠪᠠᠲᠣᠯᠠᠭ᠎ᠠ︾᠂ ᠬᠤᠲᠠ ᠪᠠᠯᠭᠠᠰᠣ ᠶᠢᠨ ︽ᠭᠤᠷᠪᠠᠨ ᠦᠭᠡᠢ︾ ᠬᠦᠮᠦᠰ ᠪᠣᠯᠣᠨ ᠦᠨᠦᠴᠢᠨ | ᠬᠡᠣᠬᠡᠳ ᠲᠤ ᠲᠣᠰᠠᠯᠠᠬᠤ ᠪᠠᠷᠢᠮᠵᠢᠶ᠎ᠠ ᠪᠦᠬᠦ ᠣᠯᠣᠰ ᠤᠨ ᠡᠮᠦᠨᠡᠭᠦᠷ ᠣᠷᠣᠵᠣ᠂ ᠶᠠᠳᠠᠭᠤ ᠬᠦᠴᠢᠷᠳᠡᠯᠲᠡᠢ ᠣᠶᠣᠲᠠᠨ᠂ ᠭᠠᠮᠰᠢᠭᠳᠠᠭᠰᠠᠨ ᠣᠯᠠᠨ ᠲᠦᠮᠡᠨ ᠢ | ᠪᠦᠲᠦᠮᠵᠢᠲᠡᠢ ᠲᠡᠩᠬᠡᠷᠡᠭᠦᠯᠦᠨ ᠲᠣᠰᠠᠯᠠᠪᠠ᠃ ᠬᠠᠰᠣᠵᠣ ᠪᠠᠭᠠᠰᠬᠠᠭᠰᠠᠨ ︽ᠠᠯᠪᠠᠨ ᠤ ᠭᠤᠷᠪᠠᠨ ᠵᠦᠢᠯ ᠤᠨ ᠵᠠᠷᠣᠳᠠᠯ︾ ᠤᠨ ᠲᠣᠲᠣᠷ᠎ᠠ ᠠᠴᠠ18 ᠳ᠋ᠦᠡᠭᠰᠢᠭᠤᠷ | ᠲᠦᠭᠦᠷᠢᠭ ᠲᠣᠬᠢᠷᠠᠭᠤᠯᠵᠣ᠂ 295 ᠲᠦᠮᠡᠨ ᠣᠷᠣᠯᠭ᠎ᠠ ᠪᠠᠭ᠎ᠠ ᠲᠠᠢ ᠲᠠᠷᠢᠶᠠᠯᠠᠬᠤ ᠮᠠᠯᠵᠢᠬᠤ ᠡᠷᠦᠬᠡ ᠶᠢᠨ ᠡᠷᠦᠬᠡ ᠪᠦᠷᠢ ᠳᠤ 1 ᠲᠣᠨ ᠳᠣᠯᠠᠭᠠᠯᠠᠯᠠᠭᠠ ᠶᠢᠨ | ᠨᠡᠭᠦᠷᠡᠰᠦ ᠣᠯᠭᠤᠪᠠ᠃ ᠠᠷᠠᠳ ᠤᠨ ᠠᠮᠢᠳᠣᠷᠠᠯ ᠤᠨ ᠣᠰᠣᠨ ᠠᠰᠢᠭᠯᠠᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠲᠠᠷᠢᠶᠠᠯᠠᠬᠤ ᠮᠠᠯᠵᠢᠬᠤ ᠣᠷᠣᠨ ᠤ 100 | ᠲᠦᠮᠡᠨ ᠬᠦᠮᠦᠨ ᠤ ᠠᠶᠣᠯ ᠦᠭᠡᠢ ᠣᠣᠭᠤᠬᠤ ᠣᠰᠣᠨ ᠤ ᠠᠰᠠᠭᠤᠳᠠᠯ ᠢ ᠰᠢᠢᠳᠪᠦᠷᠢᠯᠡᠪᠡ᠃ ᠶᠠᠳᠠᠭᠤ ᠶᠢ ᠲᠡᠳᠬᠦᠨ ᠪᠣᠭᠤᠮᠲᠠ ᠰᠢᠪᠲᠣᠯᠬᠤ ᠢᠨᠵᠧᠨᠧᠷᠢᠩ ᠢ ᠶᠡᠬᠡᠪᠡᠷ | ᠲᠦᠯᠬᠢᠨ ᠠᠬᠢᠭᠤᠯᠪᠠ᠃ ᠮᠣᠵᠢ ᠶᠢᠨ ᠲᠡᠰ ᠤᠨ ᠣᠳᠣᠷᠢᠳᠬᠤ ᠺᠠᠳ᠋ᠷ ᠤᠨ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠲᠠᠢ ᠬᠠᠷᠢᠯᠴᠠᠬᠤ ᠠᠵᠢᠯ ᠢ ᠨᠠᠶᠢᠳᠠᠪᠣᠷᠢᠵᠭᠤᠯᠵᠣ | ᠂ 23 ᠠᠵᠢᠯ ᠲᠦᠷᠦᠯ᠂ 38 ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ ᠶᠠᠳᠠᠭᠤ ᠶᠢ ᠲᠡᠳᠭᠦᠵᠦ ᠨᠡᠭᠡᠭᠡᠨ ᠬᠦᠭᠵᠢᠭᠦᠯᠬᠦ ᠲᠦᠯᠦᠪᠵᠢᠭᠦᠯᠭᠡ ᠶᠢ ᠨᠠᠶᠢᠷᠠᠭᠤᠯᠣᠨ | ᠵᠣᠬᠢᠶᠠᠵᠣ᠂ ᠶᠠᠳᠠᠭᠤ ᠶᠢ ᠳᠡᠳᠬᠦᠬᠦ ᠣᠷᠣᠭᠤᠯᠣᠯᠲᠠ 100 ᠳ᠋ᠦᠡᠭᠰᠢᠭᠤᠷ ᠲᠦᠭᠦᠷᠢᠭ ᠢ ᠳᠠᠪᠠᠵᠣ᠂ ᠶᠠᠳᠠᠭᠤ ᠶᠢ ᠳᠡᠳᠬᠦᠵᠦ ᠨᠡᠭᠡᠭᠡᠨ ᠬᠦᠭᠵᠢᠭᠦᠯᠬᠦ ᠲᠦᠷᠦᠯ ᠵᠦᠢᠯ | 961 ᠶᠢ ᠬᠡᠷᠡᠭᠵᠢᠭᠦᠯᠵᠦ᠂ 40.8 ᠲᠦᠮᠡᠨ ᠶᠠᠳᠠᠭᠤ ᠬᠦᠴᠢᠷᠳᠡᠯᠲᠡᠢ ᠬᠦᠮᠦᠨ ᠠᠮᠠ ᠶᠢ ᠲᠣᠭᠲᠠᠭᠤᠨ ᠢᠶᠠᠷ ᠶᠠᠳᠠᠭᠤ ᠠᠴᠠ ᠨᠢ ᠠᠩᠬᠢᠵᠢᠷᠠᠭᠤᠯᠬᠤ ᠶᠢ ᠪᠡᠶᠡᠯᠡᠭᠦᠯᠵᠦ᠂ | ᠶᠠᠳᠠᠭᠤ ᠬᠦᠴᠢᠷᠳᠡᠯ ᠲᠠᠢ ᠶᠢᠨ ᠪᠣᠢ ᠪᠣᠯᠬᠤ ᠨᠣᠷᠮ᠎ᠠ 17.8% ᠪᠠᠶᠢᠭᠰᠠᠨ ᠠᠴᠠ ᠨᠢ 14.9% ᠪᠣᠯᠲᠠᠯ᠎ᠠ ᠪᠠᠭᠤᠷᠠᠭᠤᠯᠵᠤ᠂ ᠶᠠᠳᠠᠭᠤ ᠬᠦᠴᠢᠷᠳᠡᠯᠲᠡᠢ ᠬᠦᠮᠦᠨ | ᠠᠮᠠ ᠶᠢᠨ ᠳᠤᠮᠳᠠᠴᠢ ᠣᠷᠣᠯᠭ᠎ᠠ ᠶᠢ16% ᠠᠴᠠ ᠳᠡᠭᠡᠭᠰᠢ ᠨᠡᠮᠡᠭᠳᠡᠭᠦᠯᠪᠡ᠃ ᠠᠷᠠᠳ ᠣᠯᠠᠨ ᠤ ᠬᠢᠮᠲᠠ ᠣᠷᠣᠨ ᠰᠠᠭᠤᠴᠠ ᠶᠢᠨ ᠢᠨᠵᠧᠨᠧᠷᠢᠩ ᠢ ᠯᠠᠪᠳᠠᠭᠤᠨ | ᠪᠠᠲᠣᠲᠠᠢ ᠲᠦᠯᠬᠢᠨ ᠠᠬᠢᠭᠤᠯᠪᠠ᠃ ᠪᠠᠲᠣᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠣᠯᠲᠠ ᠪᠣᠯᠣᠨ ᠲᠠᠷᠢᠶᠠᠯᠠᠬᠤ ᠮᠠᠯᠵᠢᠬᠤ ᠣᠷᠣᠨ ᠤ ᠨᠣᠷᠠᠬᠤ | ᠠᠶᠣᠯ ᠲᠠᠢ ᠭᠡᠷ ᠪᠠᠶᠢᠰᠢᠩ ᠢ ᠰᠢᠨᠡᠳᠭᠡᠨ ᠵᠠᠰᠠᠬᠤ ᠠᠯᠬᠤᠴᠠ ᠶᠢ ᠲᠦᠷᠭᠡᠳᠭᠡᠨ᠂ ᠪᠣᠭᠤᠲᠣ ᠶᠢᠨ ᠬᠤᠶᠢᠲᠣ ᠬᠢᠷ᠎ᠡ ᠵᠡᠷᠭᠡ ᠲᠦᠬᠦᠮ ᠪᠦᠳᠦᠭᠦᠯᠢᠭ ᠣᠷᠣᠨ | ᠰᠠᠭᠤᠴᠠ ᠶᠢᠨ ᠲᠣᠭᠤᠷᠢᠭ ᠢ ᠲᠦᠪᠯᠡᠷᠡᠭᠦᠯᠦᠨ ᠰᠢᠨᠡᠳᠭᠡᠨ ᠵᠠᠰᠠᠬᠤ ᠲᠦᠷᠦᠯ ᠵᠦᠢᠯ ᠢ ᠪᠦᠬᠦ ᠲᠠᠯ᠎ᠠ ᠪᠠᠷ ᠡᠬᠢᠯᠡᠭᠦᠯᠵᠦ᠂ ᠡᠯ᠎ᠡ ᠲᠦᠷᠦᠯ ᠤᠨ ᠪᠠᠲᠣᠯᠠᠭ᠎ᠠ ᠶᠢᠨ ᠴᠢᠨᠠᠷᠲᠠᠢ | ᠣᠷᠣᠨ ᠰᠠᠭᠤᠴᠠ ᠶᠢ 17.8 ᠲᠦᠮᠡᠨ ᠢᠵᠢ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠵᠣ᠂ ᠪᠠᠷᠢᠯᠭ᠎ᠠ ᠡᠬᠢᠯᠡᠭᠦᠯᠦᠭᠰᠡᠨ ᠨᠣᠷᠮ᠎ᠠ 101.6% ᠪᠣᠯᠪᠠ︔ | ᠲᠠᠷᠢᠶᠠᠯᠠᠬᠤ ᠮᠠᠯᠵᠢᠬᠤ ᠣᠷᠣᠨ ᠤ 12.75 ᠲᠦᠮᠡᠨ ᠡᠷᠦᠬᠡ ᠶᠢᠨ ᠨᠣᠷᠠᠬᠤ ᠠᠶᠣᠯ ᠲᠠᠢ ᠭᠡᠷ ᠪᠠᠶᠢᠰᠢᠩ ᠢ ᠰᠢᠨᠡᠳᠭᠡᠨ ᠵᠠᠰᠠᠬᠤ ᠶᠢ ᠪᠡᠶᠡᠯᠡᠭᠦᠯᠵᠦ᠂ ᠣᠯᠣᠰ ᠠᠴᠠ | ᠪᠠᠭᠤᠯᠭᠠᠭᠰᠠᠨ 3.65 ᠲᠦᠮᠡᠨ ᠡᠷᠦᠬᠡ ᠶᠢᠨ ᠡᠭᠦᠷᠭᠡ ᠠᠴᠠ ᠳᠠᠪᠠᠪᠠ᠃ ᠡᠯ᠎ᠡ ᠵᠦᠢᠯ ᠤᠨ ᠨᠡᠶᠢᠬᠡᠮ ᠤᠨ ᠦᠢᠯᠡᠰ ᠢ ᠪᠦᠬᠦ ᠲᠠᠯ᠎ᠠ ᠪᠠᠷ ᠬᠦᠭᠵᠢᠭᠦᠯᠪᠡ᠃ ᠰᠣᠷᠬᠤ | ᠨᠠᠰᠣᠨ ᠠᠴᠠ ᠡᠮᠦᠨᠡᠬᠢ ᠰᠣᠷᠭᠠᠨ ᠬᠦᠮᠦᠵᠢᠯ ᠤᠨ ᠭᠤᠷᠪᠠᠨ ᠵᠢᠯ ᠤᠨ ᠠᠵᠢᠯᠠᠯᠭ᠎ᠠ ᠶᠢᠨ ᠲᠦᠯᠦᠪᠯᠡᠯᠭᠡ ᠶᠢ ᠦᠨᠳᠦᠰᠦᠨ ᠳᠤ ᠪᠠᠨ ᠪᠡᠶᠡᠯᠡᠭᠦᠯᠵᠦ᠂ ᠳᠣᠮᠲᠠ ᠵᠡᠷᠭᠡ ᠶᠢᠨ | ᠠᠵᠢᠯ ᠮᠡᠷᠭᠡᠵᠢᠯ ᠤᠨ ᠰᠣᠷᠭᠠᠨ ᠬᠦᠮᠦᠵᠢᠯ ᠤᠨ ᠥᠭᠡᠷᠡᠴᠢᠯᠡᠯᠲᠡ ᠪᠣᠯᠣᠨ ᠬᠦᠭᠵᠢᠯᠲᠡ ᠶᠢ ᠣᠷᠣᠭᠰᠢᠲᠠᠢ ᠲᠦᠯᠬᠢᠨ ᠠᠬᠢᠭᠤᠯᠵᠣ᠂ ᠠᠯᠪᠠᠨ ᠵᠢᠷᠣᠮ ᠤᠨ ᠰᠣᠷᠭᠠᠨ | ᠬᠦᠮᠦᠵᠢᠯ᠂ ᠦᠨᠳᠦᠷ ᠵᠡᠷᠭᠡ ᠶᠢᠨ ᠲᠣᠮᠲᠠᠲᠣ ᠰᠣᠷᠭᠠᠭᠤᠯᠢ ᠶᠢᠨ ᠱᠠᠲᠣ ᠦᠶ᠎ᠡ ᠶᠢᠨ ᠰᠦᠢᠳᠭᠡᠯ ᠬᠤᠷᠢᠶᠠᠬᠤ ᠦᠭᠡᠢ ᠰᠣᠷᠠᠭᠠᠨ ᠬᠦᠮᠦᠵᠢᠯ ᠤᠨ ᠵᠠᠷᠣᠳᠠᠯ ᠪᠣᠯᠣᠨ | ᠭᠤᠣᠯᠳᠠᠯᠭ᠎ᠠ ᠲᠠᠢ ᠰᠣᠷᠭᠠᠨ ᠬᠦᠮᠦᠵᠢᠯ ᠤᠨ ᠢᠨᠵᠧᠨᠧᠷᠢᠩ ᠤᠨ ᠪᠦᠲᠦᠭᠡᠨ ᠪᠠᠶᠢᠭᠤᠯᠣᠯᠲᠠ ᠶᠢᠨ ᠲᠦᠷᠦᠯ ᠵᠦᠢᠯ ᠤᠨ ᠪᠡᠯᠡ ᠮᠦᠡᠭᠭᠦ ᠶᠢ ᠪᠦᠬᠦᠨ ᠢ | ᠨᠠᠶᠢᠳᠠᠪᠣᠷᠢᠵᠢᠭᠤᠯᠵᠣ᠂ ᠡᠯ᠎ᠡ ᠱᠠᠲᠣᠨ ᠤ ᠡᠯ᠎ᠡ ᠲᠦᠷᠦᠯ ᠤᠨ ᠰᠣᠷᠭᠠᠨ ᠬᠦᠮᠦᠵᠢᠯ ᠵᠣᠬᠢᠴᠠᠩᠭᠤᠢ ᠪᠠᠷ ᠬᠦᠭᠵᠢᠪᠡ᠃ ᠬᠤᠲᠠ ᠬᠦᠳᠡᠭᠡ ᠶᠢᠨ ᠡᠮᠨᠡᠯᠭᠡ ᠪᠣᠯᠣᠨ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠣᠯᠲᠠ ᠶᠢ ᠴᠢᠩᠭᠠᠳᠬᠠᠨ᠂ ᠠᠯᠪᠠᠨ ᠠᠴᠠ ᠪᠠᠶᠢᠭᠤᠯᠣᠭᠰᠠᠨ ᠡᠮᠨᠡᠯᠭᠡ ᠶᠢᠨ | ᠬᠤᠷᠢᠶᠠᠨ ᠤ ᠥᠭᠡᠷᠡᠴᠢᠯᠡᠯᠲᠡ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠲᠣᠷᠰᠢᠯᠲᠠ ᠵᠡᠷᠭᠡ ᠠᠵᠢᠯ ᠢ ᠣᠷᠣᠭᠰᠢᠲᠠᠢ | ᠠᠬᠢᠭᠤᠯᠪᠠ᠃ ᠨᠡᠶᠢᠭᠡᠮ ᠵᠢᠷᠣᠮ ᠤᠨ ᠭᠤᠣᠯᠯᠠᠬᠤ ᠦᠷᠲᠡᠭ ᠤᠨ ᠰᠢᠰᠲ᠋ᠧᠮᠵᠢ ᠶᠢᠨ ᠪᠠᠶᠢᠭᠤᠯᠣᠯᠲᠠ ᠶᠢ ᠭᠦᠨᠵᠡᠭᠡᠢ ᠲᠦᠯᠬᠢᠨ ᠠᠬᠢᠭᠤᠯᠵᠣ᠂ ᠣᠯᠠᠨ ᠨᠡᠶᠢᠲᠡ ᠶᠢᠨ | ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠵᠦ᠂ ᠠᠷᠪᠠᠳᠣᠭᠠᠷ | ᠬᠤᠭᠤᠴᠠᠭᠠᠨ ᠤ ᠲᠠᠯ᠎ᠠ ᠨᠣᠲᠤᠭ ᠤᠨ ᠰᠣᠶᠣᠯ ᠤᠨ ᠨᠠᠶᠢᠷ ᠢ ᠠᠮᠵᠢᠯᠲᠠ ᠲᠠᠢ ᠡᠷᠬᠢᠯᠡᠵᠦ᠂ ᠰᠣᠶᠣᠯ ᠤᠨ ᠪᠠᠶᠢᠭᠤᠯᠣᠯ ᠤᠨ ᠥᠭᠡᠷᠡᠴᠢᠯᠡᠯᠲᠡ ᠪᠣᠯᠣᠨ ᠰᠣᠶᠣᠯ ᠤᠨ | ᠠᠵᠣ ᠦᠢᠯᠡᠰ ᠤᠨ ᠬᠦᠭᠵᠢᠯᠲᠡ ᠶᠢ ᠲᠦᠷᠭᠡᠳᠭᠡᠭᠡᠳ᠂ ᠣᠯᠠᠨ ᠲᠦᠮᠡᠨ ᠤ ᠣᠶᠣᠨ ᠤ ᠰᠣᠶᠣᠯ ᠤᠨ ᠠᠮᠢᠳᠣᠷᠠᠯ ᠡᠳᠦᠷ ᠢᠷᠡᠬᠦᠶ᠎ᠡ ᠡᠯᠪᠡᠭ ᠪᠠᠶᠠᠯᠢᠭ ᠪᠣᠯᠪᠠ᠃ ᠣᠶᠣᠨ | ᠪᠢᠯᠢᠭ ᠲᠠᠢ ᠬᠤᠲᠠ ᠪᠠ ᠨᠡᠶᠢᠬᠡᠮ ᠲᠣᠭᠤᠷᠢᠭ ᠤᠨ ᠪᠠᠶᠢᠭᠤᠯᠣᠯᠲᠠ ᠶᠢ ᠲᠦᠯᠬᠢᠨ ᠠᠬᠢᠭᠤᠯᠵᠣ᠂ ᠮᠣᠩᠭᠤᠯ ᠦᠭᠡ ᠬᠡᠯᠡ ᠦᠰᠦᠭ ᠪᠢᠴᠢᠭ ᠤᠨ ᠮᠡᠳᠡᠭᠡ | ᠵᠠᠩᠬᠢᠵᠢᠭᠤᠯᠣᠯᠲᠠ ᠶᠢᠨ ᠪᠠᠶᠢᠭᠤᠯᠣᠯᠲᠠ ᠶᠢ ᠲᠣᠰᠬᠠᠢ ᠵᠦᠢᠯ ᠢᠶᠠᠷ ᠲᠡᠳᠬᠦᠵᠦ᠂ ᠭᠠᠷ ᠣᠲᠠᠰᠣ ᠪᠠᠷ ᠮᠣᠩᠭᠤᠯ ᠣᠬᠤᠷ ᠴᠢᠮᠡᠭᠡ ᠢᠯᠡᠭᠡᠬᠦ ᠪᠠ ᠮᠡᠳᠡᠭᠡ ᠵᠠᠩᠬᠢ | ᠬᠡᠷᠡᠭᠯᠡᠬᠦ ᠶᠢ ᠪᠡᠶᠡᠯᠡᠭᠦᠯᠪᠡ᠃ ᠮᠠᠯᠵᠢᠬᠤ ᠲᠠᠷᠢᠶᠠᠯᠠᠬᠤ ᠣᠷᠣᠨ ᠤ ︽ᠵᠢᠷᠭᠤᠭ᠎ᠠ ᠪᠠᠷ ᠪᠦᠬᠦᠨ ᠢ ᠬᠠᠮᠣᠷᠬᠤ︾ ᠢᠨᠵᠧᠨᠧᠷᠢᠩ ᠢ ᠬᠡᠷᠡᠭᠵᠢᠬᠦᠯᠵᠦ᠂ ᠬᠤᠲᠠ ᠬᠦᠳᠡᠭᠡ ᠶᠢᠨ | ᠣᠯᠠᠨ ᠨᠡᠶᠢᠲᠡ ᠶᠢᠨ ᠦᠨᠳᠦᠰᠣᠨ ᠦᠢᠯᠡᠴᠢᠯᠡᠭᠡᠨ ᠤ ᠲᠡᠩᠴᠡᠭᠦᠷᠢᠰᠢᠯ ᠤᠨ ᠤᠨ ᠬᠢᠷᠢ ᠬᠡᠮᠵᠢᠶ᠎ᠡ ᠦᠷᠭᠦᠯᠵᠢᠯᠡᠨ ᠳᠡᠭᠡᠭᠰᠢᠯᠡᠪᠡ᠃ ᠰᠣᠨᠢᠨ ᠮᠡᠳᠡᠭᠡ ᠬᠡᠪᠯᠡᠯ᠂ ᠷᠠᠳᠢᠣ᠋ ᠺᠢᠨᠣ᠋ | ᠲᠧᠯᠸᠢᠰ᠂ ᠭᠦᠨ ᠣᠬᠠᠭᠠᠨ ᠨᠡᠶᠢᠬᠡᠮ ᠤᠨ ᠰᠢᠨᠵᠢᠯᠡᠬᠦ ᠣᠬᠠᠭᠠᠨ ᠤ ᠠᠵᠢᠯ ᠦᠢᠯᠡᠰ ᠴᠡᠴᠡᠭᠯᠡᠨ ᠬᠦᠭᠵᠢᠵᠦ᠂ ᠬᠦᠮᠦᠨ ᠠᠮᠠ ᠬᠢᠭᠡᠳ ᠲᠦᠯᠦᠪᠯᠡᠭᠡᠲᠦ ᠦᠷᠡᠵᠢᠯ ᠤᠨ | ᠠᠵᠢᠯ ᠠᠬᠢᠭᠤᠯᠣᠭᠳᠠᠵᠣ᠂ ᠣᠯᠠᠨ ᠲᠦᠮᠡᠨᠴᠢ ᠴᠢᠨᠠᠷᠲᠠᠢ ᠪᠡᠶ᠎ᠡ ᠶᠢᠨ ᠲᠠᠮᠢᠷ ᠤᠨ ᠠᠵᠢᠯᠠᠯᠭ᠎ᠠ ᠪᠠᠳᠠᠷᠠᠩᠭᠤᠢ ᠦᠷᠨᠢᠵᠦ᠂ ᠦᠨᠳᠦᠰᠦᠨ ᠱᠠᠰᠢᠨ ᠰᠣᠷᠲᠠᠬᠤᠨ ᠤ ᠠᠵᠢᠯ | ᠴᠢᠩᠭᠠᠳᠬᠠᠭᠲᠠᠨ᠂ ᠴᠠᠭ ᠠᠭᠤᠷ᠂ ᠠᠷᠠᠳ ᠤᠨ ᠠᠭᠠᠷ ᠤᠨ ᠰᠡᠷᠭᠡᠶᠢᠯᠡᠯᠲᠡ᠂ ᠭᠠᠵᠠᠷ ᠬᠦᠲᠡᠯᠦᠯᠲᠡ ᠪᠣᠯᠣᠨ ᠡᠮᠡᠭᠲᠡᠶᠢᠴᠦᠳ ᠬᠡᠣᠬᠡᠳ᠂ ᠦᠲᠡᠭᠦᠰ ᠵᠡᠷᠭᠡ ᠶᠢᠨ | ᠠᠵᠢᠯ ᠯᠠᠪᠳᠠᠭᠤᠨ ᠪᠠᠲᠣᠲᠠᠢ ᠠᠬᠢᠪᠠ᠃ ᠨᠠᠶᠢᠬᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠦᠨᠡᠨᠬᠦ ᠬᠠᠮᠠᠭᠠᠯᠠᠪᠠ᠃ ︽ᠰᠣᠷᠪᠣᠯᠵᠢᠯᠠᠯ ᠢ ᠶᠡᠬᠡᠪᠡᠷ ᠬᠦᠯᠢᠶᠡᠨ | ᠠᠪᠬᠤ︾ ᠠᠵᠢᠯᠠᠯᠭ᠎ᠠ ᠶᠢ ᠭᠦᠨᠵᠡᠭᠡᠢ ᠦᠷᠨᠢᠭᠦᠯᠵᠦ᠂ ᠨᠢᠭᠡ ᠪᠦᠯᠦᠭ ᠭᠤᠣᠯᠳᠠᠯᠭ᠎ᠠ ᠲᠠᠢ ᠵᠠᠬᠢᠲᠠᠯ ᠰᠣᠷᠪᠣᠯᠵᠢᠯᠠᠯ ᠤᠨ ᠠᠰᠠᠭᠤᠳᠠᠯ ᠢ ᠰᠢᠢᠳᠪᠦᠷᠢᠯᠡᠨ᠂ ᠪᠦᠬᠦ | ᠣᠷᠣᠨ ᠤ ᠵᠠᠬᠢᠲᠠᠯ ᠰᠣᠷᠪᠣᠯᠵᠢᠯᠠᠯ ᠤᠨ ᠬᠡᠮᠵᠢᠶ᠎ᠡ 25.5% ᠪᠠᠷ ᠪᠠᠭᠤᠷᠠᠪᠠ᠃ ︽ᠠᠮᠣᠭᠤᠯᠠᠩ ᠲᠠᠶᠢᠪᠤᠡᠭ ᠦᠪᠦᠷ ᠮᠣᠩᠭᠤᠯ ᠢ ᠡᠭᠦᠳᠦᠨ ᠪᠠᠶᠢᠭᠤᠯᠬᠤ ᠢᠨᠵᠧᠨᠧᠷᠢᠩ | ︾ ᠢ ᠯᠠᠪᠳᠠᠭᠤᠨ ᠪᠠᠲᠣᠲᠠᠢ ᠲᠦᠯᠬᠢᠨ ᠠᠬᠢᠭᠤᠯᠵᠣ᠂ ᠡᠯ᠎ᠡ ᠲᠦᠷᠦᠯ ᠤᠨ ᠬᠠᠣᠯᠢ ᠠᠴᠠ ᠵᠦᠷᠢᠴᠡᠭᠰᠡᠨ ᠶᠠᠯᠠᠲᠣ ᠠᠵᠢᠯᠠᠯᠭ᠎ᠠ ᠳᠤ ᠴᠢᠩᠭ᠎ᠠ ᠴᠣᠬᠢᠯᠲᠠ ᠦᠭᠴᠦ᠂ | ᠨᠡᠶᠢᠬᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠪᠠᠲᠣᠯᠠᠪᠠ᠃ ᠠᠶᠣᠯ ᠦᠭᠡᠢ ᠦᠢᠯᠡᠳᠪᠦᠷᠢᠯᠡᠯ ᠪᠣᠯᠣᠨ ᠢᠳᠡᠭᠡᠨ ᠪᠠ ᠡᠮ ᠤᠨ ᠵᠦᠢᠯ ᠤᠨ ᠠᠶᠣᠯ ᠦᠭᠡᠢ | ᠬᠢᠨᠠᠯᠲᠠ ᠬᠠᠮᠢᠶᠠᠷᠣᠯᠲᠠ ᠶᠢ ᠴᠢᠩᠭᠠᠷᠠᠭᠤᠯᠵᠣ᠂ ᠠᠶᠣᠯ ᠦᠭᠡᠢ ᠶᠢᠨ ᠠᠲᠡᠯ ᠭᠠᠷᠬᠤ ᠲᠤᠭ᠎ᠠ ᠪᠣᠯᠣᠨ ᠠᠲᠡᠭᠰᠡᠨ ᠬᠦᠮᠦᠨ ᠤ ᠲᠤᠭ᠎ᠠ ᠶᠢᠨ ︽ᠬᠤᠶᠠᠭᠤᠯᠠ ᠶᠢ | ᠪᠠᠭᠤᠷᠠᠭᠤᠯᠬᠤ︾ ᠶᠢ ᠪᠡᠶᠡᠯᠡᠭᠦᠯᠪᠡ᠃ ᠣᠯᠣᠰ ᠤᠨ ᠪᠠᠲᠣᠯᠠᠨ ᠬᠠᠮᠠᠭᠠᠯᠠᠯᠲᠠ ᠪᠣᠯᠣᠨ ᠴᠡᠷᠢᠭ ᠠᠩᠬᠢ ᠶᠢᠨ ᠣᠳᠣᠬᠢᠴᠢᠯᠠᠬᠤ ᠪᠦᠲᠦᠭᠡᠨ ᠪᠠᠶᠢᠭᠤᠯᠣᠯᠲᠠ ᠶᠢ ᠢᠳᠡᠪᠬᠢᠲᠡᠢ | ᠳᠡᠮᠵᠢᠵᠣ᠂ ᠣᠯᠣᠰ ᠤᠨ ᠪᠠᠲᠣᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠣᠯᠣᠨ ᠪᠡᠯᠡᠳᠭᠡᠯ ᠬᠦᠴᠦᠨ ᠤ ᠪᠠᠶᠢᠭᠤᠯᠣᠯᠲᠠ ᠰᠢᠨ᠎ᠡ ᠠᠬᠢᠴᠠ ᠲᠠᠢ ᠪᠣᠯᠪᠠ᠃ | ︵ᠵᠢᠷᠭᠤᠭ᠎ᠠ︶ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠣᠯᠲᠠ ᠴᠢᠩᠭᠠᠳᠬᠠᠭᠳᠠᠪᠠ᠃ ᠠᠩᠬᠠᠳᠠᠭᠴᠢ ᠪᠦᠯᠦᠭ ᠨᠠᠮ ᠤᠨ ᠣᠯᠠᠨ ᠲᠦᠮᠡᠨᠴᠢ | ᠱᠣᠭᠤᠮ ᠤᠨ ᠬᠦᠮᠦᠵᠢᠯ ᠦᠢᠯᠡᠳᠦᠯᠡᠭᠡ ᠶᠢᠨ ᠠᠵᠢᠯᠠᠯᠭ᠎ᠠ ᠶᠢ ᠬᠢᠨᠠᠮᠠᠭᠠᠢ ᠦᠷᠨᠢᠭᠦᠯᠵᠦ᠂ ᠲᠦᠪ ᠤᠨ ᠨᠠᠢᠮᠠᠨ ᠵᠦᠢᠯ ᠤᠨ ᠲᠣᠭᠲᠠᠭᠠᠯ ᠪᠣᠯᠣᠨ ᠦᠪᠡᠷᠲᠡᠭᠡᠨ ᠵᠠᠰᠠᠬᠤ | ᠣᠷᠣᠨ ᠤ 28 ᠵᠦᠢᠯ ᠤᠨ ᠲᠦᠬᠦᠷ ᠲᠣᠭᠲᠠᠭᠠᠯ ᠢ ᠴᠢᠩᠭ᠎ᠠ ᠨᠠᠶᠢᠳᠠᠪᠣᠷᠢᠵᠢᠭᠤᠯᠣᠨ᠂ ᠦᠡᠭᠭᠡ ᠦᠨᠳᠦᠰᠦ ᠶᠢ ᠨᠢ ᠬᠠᠮᠲᠣᠲᠠ ᠨᠢ ᠵᠠᠰᠠᠵᠣ᠂ ᠠᠪᠣᠨ ᠳᠣᠣᠷ᠎ᠠ ᠨᠢ | ᠥᠭᠡᠷᠡᠴᠢᠯᠡᠬᠦ ᠶᠢ ᠪᠠᠷᠢᠮᠲᠠᠯᠠᠨ᠂ ᠴᠡᠴᠡᠭᠯᠡᠨ ᠰᠠᠶᠢᠵᠢᠷᠠᠭᠤᠯᠬᠤ ᠪᠠ ᠳᠦᠷᠢᠮ ᠲᠣᠭᠲᠠᠭᠠᠯ ᠪᠠᠶᠢᠭᠤᠯᠬᠤ ᠠᠵᠢᠯ ᠢ ᠳᠣᠪᠣᠶᠢᠮ᠎ᠠ ᠰᠠᠶᠢᠳᠣᠷ ᠠᠳᠬᠤᠨ᠂ ︽ᠳᠦᠷᠪᠡᠨ | ᠰᠣᠷᠲᠠᠯ︾ ᠤᠨ ᠲᠠᠯ᠎ᠠ ᠪᠠᠷ ᠬᠢ ᠳᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠨᠠᠮ ᠪᠠ ᠣᠯᠠᠨ ᠲᠦᠮᠡᠨ ᠤ ᠬᠠᠷᠢᠴᠠᠭ᠎ᠠ ᠶᠢ ᠣᠯᠠᠮ ᠨᠢᠭᠡ ᠠᠯᠬᠤᠮ | ᠨᠢᠭᠲᠠᠷᠠᠭᠤᠯᠣᠨ᠂ ᠵᠠᠰᠠᠭ ᠵᠠᠬᠢᠷᠭᠠᠨ ᠤ ᠪᠠᠶᠢᠭᠤᠯᠣᠯᠭ᠎ᠠ ᠪᠣᠯᠣᠨ ᠺᠠᠳ᠋ᠷ ᠤᠨ ᠰᠣᠷᠲᠠᠯ ᠢᠯᠡᠷᠡᠬᠡᠢ ᠰᠠᠶᠢᠵᠢᠷᠠᠵᠣ᠂ ᠵᠠᠰᠠᠭ ᠵᠠᠬᠢᠷᠭᠠᠨ ᠤ ᠬᠦᠴᠦᠨ ᠴᠢᠳᠠᠪᠣᠷᠢ ᠲᠠᠰᠣᠷᠠᠯᠲᠠ | ᠦᠭᠡᠢ ᠳᠡᠭᠡᠭᠰᠢᠯᠡᠪᠡ᠃ ᠰᠣᠷᠣᠯᠴᠠᠬᠤ ᠰᠣᠷᠲᠠᠯ ᠵᠣᠬᠢᠶᠠᠯ ᠤᠨ ᠰᠣᠷᠲᠠᠯ ᠬᠤᠷᠠᠯ ᠤᠨ ᠰᠣᠷᠲᠠᠯ ᠶᠡᠬᠡᠪᠡᠷ ᠬᠠᠯᠠᠨ ᠰᠠᠶᠢᠵᠢᠷᠠᠭᠤᠯᠵᠣ᠂ ᠰᠣᠷᠲᠠᠯ ᠢ ᠲᠦᠪ ᠪᠣᠯᠭᠠᠵᠣ | ᠰᠠᠬᠢᠯᠭ᠎ᠠ ᠪᠠᠲᠣ ᠶᠢ ᠲᠦᠪ ᠴᠢᠩᠭ᠎ᠠ ᠪᠣᠯᠭᠠᠬᠤ ᠲᠣᠰᠬᠠᠢ ᠵᠦᠢᠯ ᠤᠨ ᠠᠵᠢᠯᠠᠯᠭ᠎ᠠ ᠶᠢ ᠭᠦᠨᠵᠡᠭᠡᠢ ᠦᠷᠨᠢᠭᠦᠯᠦᠨ᠂ ᠪᠠᠷᠢᠮᠵᠢᠶ᠎ᠠ ᠠᠴᠠ ᠬᠡᠲᠦᠷᠡᠭᠰᠡᠨ ᠠᠵᠢᠯᠯᠠᠬᠤ ᠭᠡᠷ | ᠪᠣᠯᠣᠨ ᠠᠯᠪᠠᠨ ᠶᠠᠪᠣᠳᠠᠯ ᠳᠤ ᠬᠡᠷᠡᠭᠯᠡᠬᠦ ᠲᠡᠷᠭᠡ ᠶᠢ ᠪᠦᠬᠦ ᠲᠠᠯ᠎ᠠ ᠪᠠᠷ ᠢᠯᠭᠠᠷᠠᠭᠤᠯᠵᠣ᠂ ᠵᠠᠰᠠᠭ ᠤᠨ ᠣᠷᠳᠣᠨ ᠤ ᠴᠢᠨᠠᠷᠲᠠᠢ ᠠᠰᠠᠷ ᠲᠠᠩᠬᠢᠮ ᠪᠠᠭᠤᠳᠠᠯ ᠭᠠᠵᠠᠷ | ᠪᠠᠶᠢᠭᠤᠯᠬᠤ ᠶᠢ ᠴᠢᠩᠭ᠎ᠠ ᠴᠠᠭᠠᠵᠠᠯᠠᠨ᠂ ᠡᠩ ᠤᠨ ᠴᠢᠨᠠᠷᠲᠠᠢ ᠵᠠᠷᠣᠯᠭ᠎ᠠ ᠶᠢ ᠴᠢᠩᠭ᠎ᠠ ᠬᠢᠵᠠᠭᠠᠷᠯᠠᠵᠣ᠂ ᠪᠦᠬᠦ ᠣᠷᠣᠨ ᠤ ᠵᠠᠰᠠᠭ ᠵᠠᠬᠢᠷᠭᠠᠨ ᠤ ᠠᠵᠢᠯ ᠦᠢᠯᠡᠰ ᠤᠨ | ᠨᠢᠭᠡᠴᠡ ᠶᠢᠨ ︽ᠠᠯᠪᠠᠨ ᠤ ᠭᠤᠷᠪᠠᠨ ᠵᠦᠢᠯ ᠤᠨ ᠵᠠᠷᠣᠳᠠᠯ︾ 34% ᠪᠠᠷ ᠪᠠᠭᠤᠷᠠᠵᠣ᠂ ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠷᠠᠯ ᠪᠠ | ᠲᠠᠷᠬᠠᠭᠠᠬᠤ ᠪᠢᠴᠢᠭ ᠮᠠᠲ᠋ᠧᠷᠢᠶᠠᠯ ᠤᠨ ᠲᠤᠭ᠎ᠠ ᠬᠡᠮᠵᠢᠶ᠎ᠡ ᠲᠣᠰ ᠲᠣᠰ 14% ᠪᠠ 17% ᠪᠠᠷ ᠪᠠᠭᠠᠰᠪᠠ᠃ ᠦᠪᠡᠷᠲᠡᠭᠡᠨ ᠵᠠᠰᠠᠬᠤ ᠣᠷᠣᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠡᠭᠭᠤ ᠶᠢᠨ ᠬᠤᠷᠢᠶᠠᠨ ᠤ ᠲᠣᠭᠲᠠᠭᠠᠯ ᠢ ᠬᠢᠨᠠᠮᠠᠭᠠᠢ ᠬᠡᠷᠡᠭᠵᠢᠭᠦᠯᠵᠦ᠂ ᠣᠯᠣᠰ ᠲᠦᠷᠦ ᠶᠢᠨ ᠵᠦᠪᠯᠡᠯᠭᠡᠨ ᠤ | ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠣᠬᠠᠮᠰᠠᠷ ᠠᠴᠠ ᠪᠠᠨ ᠬᠦᠯᠢᠶᠡᠵᠦ᠂ ᠡᠯ᠎ᠡ ᠠᠷᠠᠳᠴᠢᠯᠠᠭᠰᠠᠨ ᠨᠠᠮ ᠪᠦᠯᠦᠭ᠂ ᠠᠵᠣ ᠦᠢᠯᠡᠳᠪᠦᠷᠢ ᠬᠤᠳᠠᠯᠳᠣᠭᠠᠨ ᠤ | ᠬᠤᠯᠪᠣᠭ᠎ᠠ ᠪᠣᠯᠣᠨ ᠨᠠᠮ ᠪᠦᠯᠦᠭ ᠤᠨ ᠪᠣᠰᠣ ᠬᠦᠮᠦᠰ ᠤᠨ ᠰᠠᠨᠠᠯ ᠢ ᠦᠷᠭᠡᠨ ᠢᠶᠠᠷ ᠰᠣᠨᠣᠰᠴᠣ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠲᠦᠯᠦᠭᠡᠯᠡᠭᠴᠢ ᠶᠢᠨ ᠵᠦᠪᠯᠡᠯᠭᠡ᠂ ᠰᠠᠨᠠᠭᠤᠯᠭ᠎ᠠ ᠪᠣᠯᠣᠨ ᠣᠯᠣᠰ ᠲᠦᠷᠦ ᠶᠢᠨ ᠵᠦᠪᠯᠡᠯᠭᠡᠨ ᠤ ᠬᠡᠰᠢᠭᠦᠳ ᠢ ᠳᠣᠷᠠᠳᠣᠯᠭ᠎ᠠ ᠶᠢ ᠴᠠᠭ ᠲᠣᠬᠠᠢ ᠳᠤᠨᠢ ᠭᠦᠢᠴᠡᠳᠭᠡᠪᠡ᠃ | ᠵᠠᠰᠠᠭ ᠤᠨ ᠣᠷᠳᠣᠨ ᠤ ᠬᠠᠣᠯᠢ ᠳᠦᠷᠢᠮ ᠤᠨ ᠠᠵᠢᠯ ᠢ ᠴᠢᠩᠭᠠᠳᠬᠠᠨ᠂ ᠠᠷᠠᠳ ᠤᠨ ᠠᠮᠢᠳᠣᠷᠠᠯ ᠤᠨ ᠬᠦᠷᠢᠶᠡᠨ ᠤ ᠵᠠᠰᠠᠭ ᠵᠠᠬᠢᠷᠭᠠᠨ ᠤ ᠬᠠᠣᠯᠢ ᠲᠣᠭᠲᠠᠭᠠᠬᠤ ᠶᠢ | ᠴᠢᠩᠭᠠᠷᠠᠭᠤᠯᠵᠣ᠂ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠬᠦ ᠬᠢᠷᠢ ᠬᠡᠮᠵᠢᠶ᠎ᠡ ᠣᠯᠠᠮ ᠨᠢᠭᠡ ᠠᠯᠬᠤᠮ ᠳᠡᠭᠡᠭᠰᠢᠯᠡᠪᠡ᠃ ᠵᠠᠰᠠᠭ ᠤᠨ ᠶᠠᠪᠣᠳᠠᠯ ᠢ ᠢᠯᠡ ᠪᠣᠯᠭᠠᠬᠤ ᠶᠢ | ᠢᠳᠡᠪᠬᠢᠲᠡᠢ ᠪᠠᠷ ᠲᠦᠯᠬᠢᠨ ᠠᠬᠢᠭᠤᠯᠵᠣ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ᠂ ᠠᠵᠣ ᠠᠬᠤᠢ ᠶᠢᠨ ᠬᠠᠷᠢᠭᠤᠴᠠᠯᠭ᠎ᠠ ᠶᠢ ᠬᠢᠨᠠᠨ ᠪᠣᠳᠣᠬᠤ ᠪᠠ ᠨᠡᠶᠢᠬᠡᠮ ᠤᠨ | ᠬᠢᠨ ᠤ ᠬᠢᠨᠠᠯᠲᠠ ᠲᠠᠯᠪᠢᠬᠤ ᠶᠢ ᠴᠢᠩᠭᠠᠳᠬᠠᠪᠠ᠃ | ᠲᠦᠯᠦᠭᠡᠯᠡᠭᠴᠢᠳ ᠡ᠂ ᠦᠡᠭᠭᠡᠷᠡᠭᠰᠡᠨ ᠨᠢᠭᠡ ᠵᠢᠯ ᠤᠨ ᠠᠮᠵᠢᠯᠲᠠ ᠣᠯᠣᠭᠰᠠᠨ ᠨᠢ ᠬᠢᠯᠪᠠᠷ ᠪᠣᠰᠣ ᠶᠣᠮ᠃ ᠡᠨᠡ ᠨᠢ ᠨᠠᠮ ᠤᠨ ᠲᠦᠪ ᠬᠤᠷᠢᠶ᠎ᠠ᠂ ᠲᠦᠷᠦ ᠶᠢᠨ | ᠶᠠᠪᠣᠳᠠᠯ ᠤᠨ ᠬᠤᠷᠢᠶ᠎ᠠ ᠪᠣᠯᠣᠨ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠦᠪ ᠣᠨᠣᠪᠴᠢᠲᠠᠢ ᠣᠳᠣᠷᠢᠳᠣᠭᠰᠠᠨ ᠤ ᠦᠷ᠎ᠡ ᠳ᠋ᠦᠡᠭ᠂ ᠪᠦᠬᠦ ᠣᠷᠣᠨ ᠤ | ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠢᠷᠭᠠᠭᠤ ᠪᠠᠷ ᠲᠡᠮᠡᠴᠡᠨ᠂ ᠬᠠᠲᠠᠭᠤᠵᠢᠯᠲᠠᠢ ᠴᠢᠷᠮᠠᠶᠢᠭᠰᠠᠨ ᠤ ᠦᠷ᠎ᠡ ᠳ᠋ᠦᠡᠭ ᠪᠣᠯᠬᠤ ᠪᠦᠭᠡᠳ ᠮᠦᠨᠴᠦ ᠨᠡᠶᠢᠬᠡᠮ ᠤᠨ | ᠡᠯ᠎ᠡ ᠡᠲᠡᠭᠡᠳ ᠤᠨ ᠬᠢᠨ ᠶᠡᠬᠡᠬᠡᠨ ᠳᠡᠮᠵᠢᠵᠣ ᠬᠠᠪᠰᠣᠷᠣᠭᠰᠠᠨ ᠤ ᠦᠷ᠎ᠡ ᠳ᠋ᠦᠡᠭ ᠪᠣᠯᠬᠤ ᠶᠣᠮ᠃ ᠠᠳᠡ᠂ ᠪᠢ ᠦᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠡᠮᠦᠨ᠎ᠡ ᠠᠴᠠ ᠰᠢᠷᠭᠠᠭᠤ ᠪᠠᠷ ᠠᠵᠢᠯᠯᠠᠵᠤ ᠪᠠᠶᠢᠭ᠎ᠠ ᠪᠦᠬᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ᠂ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ᠂ ᠣᠯᠣᠰ ᠲᠦᠷᠦ ᠶᠢᠨ ᠵᠦᠪᠯᠡᠯᠭᠡᠨ ᠤ ᠬᠡᠰᠢᠭᠦᠳ᠂ ᠡᠯ᠎ᠡ ᠠᠷᠠᠳᠴᠢᠯᠠᠭᠰᠠᠨ ᠨᠠᠮ ᠪᠦᠯᠦᠭ ᠪᠣᠯᠣᠨ | ᠠᠷᠠᠳ ᠤᠨ ᠪᠦᠯᠬᠦᠮ᠂ ᠦᠪᠦᠷ ᠮᠣᠩᠭᠤᠯ ᠤᠨ ᠪᠦᠲᠦᠭᠡᠨ ᠪᠠᠶᠢᠭᠤᠯᠣᠯᠲᠠ ᠬᠢᠭᠡᠳ ᠬᠦᠭᠵᠢᠯᠲᠡ ᠶᠢ ᠬᠠᠯᠠᠮᠵᠢᠯᠠᠨ ᠳᠡᠮᠵᠢᠭᠰᠡᠨ ᠪᠣᠢ ᠪᠦᠬᠦᠢ ᠨᠦᠬᠦᠳ᠂ ᠨᠠᠶᠢᠵᠠ | ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠣᠯᠵᠣ ᠬᠠᠷᠠᠭᠰᠠᠨ ᠤ ᠳᠠᠭᠠᠣ ᠪᠢᠳᠡ ᠪᠠᠰᠠ ᠠᠵᠣ ᠠᠬᠤᠢ ᠨᠡᠶᠢᠬᠡᠮ ᠤᠨ ᠬᠦᠭᠵᠢᠯᠲᠡ ᠳᠤ ᠣᠷᠣᠰᠢᠵᠣ ᠪᠠᠶᠢᠭ᠎ᠠ ᠠᠰᠠᠭᠤᠳᠠᠯ ᠪᠣᠯᠣᠨ | ᠲᠣᠯᠭᠠᠷᠠᠵᠣ ᠪᠦᠬᠦᠢ ᠬᠦᠴᠢᠷᠳᠡᠯ ᠢ ᠰᠡᠷᠭᠡᠭ ᠢᠶᠠᠷ ᠣᠯᠵᠣ ᠲᠠᠨᠢᠪᠠ᠃ ᠨᠢᠭᠡ ᠳᠤ ᠠᠵᠣ ᠠᠬᠤᠢ ᠶᠢᠨ ᠪᠠᠭᠤᠷᠠᠵᠣ ᠪᠠᠶᠢᠭ᠎ᠠ ᠳᠠᠷᠣᠯᠲᠠ ᠨᠡᠮᠡᠭᠳᠡᠪᠡ᠃ ᠵᠠᠬ᠎ᠠ ᠳᠡᠯᠭᠡᠭᠦᠷ ᠤᠨ | ᠬᠡᠷᠡᠭᠴᠡᠭᠡ ᠱᠠᠭᠠᠷᠲᠠᠯᠭ᠎ᠠ ᠬᠦᠷᠦᠯᠴᠡᠬᠦ ᠦᠭᠡᠢ᠂ ᠭᠤᠣᠯ ᠪᠣᠯᠬᠤ ᠠᠵᠣ ᠦᠢᠯᠡᠳᠪᠦᠷᠢ ᠶᠢᠨ ᠦᠢᠯᠡᠳᠬᠦᠨ ᠤ ᠦᠨ᠎ᠡ ᠬᠠᠨᠭ᠍ᠰᠢ ᠪᠠᠭᠤᠷᠠᠭᠰᠠᠨ ᠵᠡᠷᠭᠡ ᠬᠦᠴᠦᠨ ᠵᠦᠢᠯ ᠤᠨ | ᠨᠦᠯᠦᠭᠡᠯᠡᠯ ᠠᠴᠠ ᠪᠣᠯᠵᠣ᠂ ᠠᠵᠣ ᠠᠬᠤᠢ ᠶᠢᠨ ᠨᠡᠮᠡᠭᠳᠡᠯ ᠤᠨ ᠬᠤᠷᠳᠣᠴᠠ ᠣᠳᠠᠭᠠᠰᠢᠷᠠᠨ᠂ ᠵᠠᠷᠢᠮ ᠳᠠᠪᠠᠭᠤᠯᠢᠭ ᠠᠵᠣ ᠦᠢᠯᠡᠰ ᠤᠨ ᠠᠰᠢᠭ ᠣᠯᠵᠠᠪᠣᠷᠢ ᠶᠢᠨ ᠣᠷᠣᠨ | ᠵᠠᠢ ᠢᠪᠴᠣᠣᠷᠠᠵᠣ᠂ ᠡᠳ᠋ ᠤᠨ ᠵᠠᠰᠠᠭ ᠤᠨ ᠣᠷᠣᠯᠭ᠎ᠠ ᠶᠢ ᠨᠡᠮᠡᠭᠳᠡᠭᠦᠯᠬᠦ ᠬᠦᠴᠢᠷᠳᠡᠯ ᠶᠡᠭᠡᠰᠭᠡᠪᠡ᠃ ᠬᠤᠶᠠᠷ ᠲᠤ ᠠᠵᠣ ᠠᠬᠤᠢ ᠶᠢᠨ ᠪᠦᠲᠦᠴᠡ ᠵᠦᠢ ᠵᠣᠬᠢᠰ ᠦᠭᠡᠢ | ᠪᠠᠶᠢᠨ᠎ᠠ᠃ ᠠᠩᠬᠠᠨ ᠤ ᠪᠦᠲᠦᠭᠡᠭᠳᠡᠬᠦᠨ ᠤ ᠬᠤᠪᠢ ᠶᠢᠨ ᠵᠢᠩ ᠶᠡᠭᠡ ᠪᠠᠶᠢᠵᠣ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠬᠢᠷᠢ ᠬᠡᠮᠵᠢᠶ᠎ᠡ ᠶᠢ ᠣᠯᠠᠮ ᠨᠢᠭᠡ ᠠᠯᠬᠤᠮ | ᠳᠡᠭᠡᠭᠰᠢᠯᠡᠭᠦᠯᠬᠦ ᠴᠢᠬᠤᠯᠠ ᠲᠠᠢ ᠪᠠᠶᠢᠵᠣ᠂ ᠦᠢᠯᠡᠴᠢᠯᠡᠭᠡᠨ ᠤ ᠦᠢᠯᠡᠰ ᠪᠣᠯᠣᠨ ᠳᠣᠮᠲᠠ ᠪᠠᠭ᠎ᠠ ᠠᠵᠣ ᠠᠬᠤᠶᠢᠯᠠᠯ ᠤᠨ ᠬᠦᠭᠵᠢᠯᠲᠡ ᠬᠤᠴᠣᠷᠠᠵᠣ᠂ ᠪᠡᠶ᠎ᠡ ᠪᠠᠨ | ᠳᠠᠭᠠᠭᠠᠵᠣ ᠰᠢᠨ᠎ᠡ ᠶᠢ ᠡᠭᠦᠳᠬᠦ ᠴᠢᠳᠠᠪᠣᠷᠢ ᠴᠢᠩᠭ᠎ᠠ ᠪᠣᠰᠣ᠂ ᠬᠦᠭᠵᠢᠯᠲᠡ ᠶᠢᠨ ᠠᠷᠭ᠎ᠠ ᠮᠠᠶ᠋ᠢᠭ ᠪᠠᠰᠠ ᠨᠡᠯᠢᠶᠡᠳ ᠪᠦᠳᠦᠭᠦᠯᠢᠩ᠂ ᠨᠡᠶᠢᠲᠡ ᠶᠢᠨ ᠦᠮᠴᠢᠯᠡᠯ ᠤᠨ | ᠪᠣᠰᠣ ᠠᠵᠣ ᠠᠬᠤᠢ ᠪᠣᠯᠣᠨ ᠰᠢᠶᠠᠨ ᠤ ᠬᠡᠪᠴᠢᠶᠡᠨ ᠤ ᠠᠵᠣ ᠠᠬᠤᠢ ᠶᠢᠨ ᠬᠦᠭᠵᠢᠯᠲᠡ ᠲᠣᠲᠠᠮᠠᠭ᠂ ᠬᠤᠲᠠ ᠬᠦᠳᠡᠭᠡ᠂ ᠣᠷᠣᠨ ᠪᠦᠰᠡ ᠶᠢᠨ ᠬᠦᠭᠵᠢᠯᠲᠡ | ᠲᠡᠩᠴᠡᠭᠦᠷᠢ ᠦᠭᠡᠢ ᠪᠠᠶᠢᠨ᠎ᠠ᠃ ᠭᠤᠷᠪᠠ ᠳᠤ ᠰᠠᠭᠤᠷᠢ ᠪᠡᠯᠡᠳᠭᠡᠮᠵᠢ ᠶᠢᠨ ᠪᠣᠭᠤᠮᠢ ᠬᠢᠵᠠᠭᠠᠷᠯᠠᠯ ᠮᠦᠨ ᠬᠦ ᠬᠦᠨᠳᠦ ᠨᠣᠴᠢᠲᠠᠢ ᠪᠠᠶᠢᠨ᠎ᠠ᠃ ᠡᠨᠧᠷᠬᠢ ᠶᠢᠨ ᠨᠡᠪᠲᠡᠷᠡᠯ | ᠵᠠᠮ ᠤᠨ ᠪᠦᠲᠦᠭᠡᠨ ᠪᠠᠶᠢᠭᠤᠯᠣᠯᠲᠠ ᠬᠠᠷᠢᠴᠠᠩᠭᠤᠢ ᠬᠤᠴᠣᠷᠠᠵᠣ᠂ ᠪᠠᠷᠠᠭ᠎ᠠ ᠶᠢ ᠭᠠᠳᠠᠭᠰᠢ ᠲᠡᠭᠡᠭᠡᠪᠦᠷᠢᠯᠡᠬᠦ᠂ ᠴᠠᠬᠢᠯᠭᠠᠨ ᠬᠦᠴᠦᠨ ᠢ ᠭᠠᠷᠭᠠᠬᠤ ᠴᠢᠳᠠᠪᠣᠷᠢ ᠬᠦᠷᠦᠯᠴᠡᠬᠦ | ᠦᠭᠡᠢ᠂ ᠣᠰᠣᠨ ᠠᠰᠢᠭᠯᠠᠯᠲᠠ ᠶᠢᠨ ᠰᠠᠭᠤᠷᠢ ᠪᠡᠯᠡᠳᠭᠡᠮᠵᠢ ᠪᠠᠭᠤᠷᠠᠢ᠂ ᠣᠰᠣᠨ ᠤ ᠡᠬᠢ ᠪᠠᠶᠠᠯᠢᠭ ᠢ ᠪᠠᠲᠣᠯᠠᠬᠤ ᠴᠢᠳᠠᠪᠣᠷᠢ ᠴᠢᠩᠭ᠎ᠠ ᠪᠣᠰᠣ ᠪᠠᠶᠢᠨ᠎ᠠ᠃ ᠳᠦᠷᠪᠡ ᠳᠤ | ᠠᠷᠠᠳ ᠤᠨ ᠠᠮᠢᠳᠣᠷᠠᠯ ᠪᠣᠯᠣᠨ ᠨᠡᠶᠢᠬᠡᠮ ᠤᠨ ᠪᠠᠶᠢᠭᠤᠯᠣᠯᠲᠠ ᠶᠢ ᠣᠯᠠᠮ ᠨᠢᠭᠡ ᠠᠯᠬᠤᠮ ᠴᠢᠩᠭᠠᠳᠬᠠᠬᠤ ᠴᠢᠬᠤᠯᠠᠲᠠᠢ ᠪᠠᠶᠢᠨ᠎ᠠ᠃ ᠬᠤᠲᠠ ᠬᠦᠳᠡᠭᠡ ᠶᠢᠨ ᠰᠠᠭᠤᠭᠠᠯᠢ | ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠬᠦᠴᠢᠷᠳᠡᠯ ᠶᠡᠬᠡᠰᠴᠦ᠂ ᠭᠡᠰᠡᠭ ᠣᠯᠠᠨ ᠲᠦᠮᠡᠨ ᠤ ᠠᠮᠢᠳᠣᠷᠠᠯ ᠪᠣᠯᠣᠨ ᠪᠠᠰᠠ ᠨᠡᠯᠢᠶᠡᠳ ᠬᠦᠴᠢᠷᠳᠡᠯ ᠲᠠᠢ ᠪᠠᠶᠢᠭ᠎ᠠ ᠪᠦᠭᠡᠳ | ᠰᠣᠷᠭᠠᠨ ᠬᠦᠮᠦᠵᠢᠯ᠂ ᠡᠮᠨᠡᠯᠭᠡ᠂ ᠨᠡᠶᠢᠬᠡᠮ ᠤᠨ ᠪᠠᠲᠣᠯᠠᠭ᠎ᠠ᠂ ᠢᠳᠡᠭᠡᠨ ᠪᠠ ᠡᠮ ᠤᠨ ᠵᠦᠢᠯ ᠤᠨ ᠠᠶᠣᠯ ᠦᠭᠡᠢ ᠶᠢᠨ ᠵᠡᠷᠭᠡ ᠲᠠᠯ᠎ᠠ ᠪᠠᠷ ᠪᠠᠰᠠ ᠣᠯᠠᠨ ᠲᠦᠮᠡᠨ ᠤ | ᠲᠣᠰᠬᠠᠯ ᠳᠣᠪᠣᠶᠢᠮ᠎ᠠ ᠪᠠᠶᠢᠭ᠎ᠠ ᠴᠦᠬᠡᠨ ᠪᠣᠰᠣ ᠠᠰᠠᠭᠤᠳᠠᠯ ᠣᠷᠣᠰᠢᠵᠣ ᠪᠠᠶᠢᠨ᠎ᠠ᠃ ᠲᠠᠪᠤ ᠳᠤ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠲᠠ ᠶᠢᠨ ᠡᠭᠦᠷᠭᠡ ᠬᠠᠲᠠᠭᠤ | ᠪᠡᠷᠬᠡ ᠪᠠᠶᠢᠨ᠎ᠠ᠃ ᠬᠡᠰᠡᠭ ᠵᠠᠷᠢᠮ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠮᠦᠨ ᠬᠦ ᠮᠠᠭᠤᠵᠢᠷᠠᠵᠣ᠂ ᠡᠯᠡᠰᠦᠷᠭᠡᠭᠵᠢᠯ ᠡᠯᠡᠰᠦᠨ ᠤ ᠬᠦᠨᠦᠭᠡᠯ᠂ | ᠬᠦᠷᠦᠰᠦ ᠰᠢᠷᠣᠢ ᠢᠳᠡᠭᠳᠡᠵᠦ ᠪᠠᠶᠢᠭ᠎ᠠ ᠦᠵᠡᠭᠳᠡᠯ ᠮᠦᠨ ᠬᠦ ᠬᠦᠨᠳᠦ ᠨᠣᠴᠢᠲᠠᠢ ᠪᠠᠶᠢᠵᠣ᠂ ᠣᠰᠣ᠂ ᠠᠭᠠᠷ ᠮᠠᠨᠳᠠᠯ᠂ ᠬᠦᠨᠳᠦ ᠲᠡᠮᠦᠷᠯᠢᠭ ᠤᠨ ᠪᠣᠬᠢᠷᠳᠣᠯ ᠢ | ᠰᠡᠷᠭᠡᠶᠢᠯᠡᠨ ᠵᠠᠰᠠᠬᠤ ᠡᠭᠦᠷᠭᠡ ᠬᠦᠨᠳᠦ ᠵᠠᠮ ᠬᠤᠯᠠ ᠪᠠᠶᠢᠨ᠎ᠠ᠃ ᠵᠢᠷᠭᠤᠭ᠎ᠠ ᠳᠤ ᠵᠠᠰᠠᠭ ᠤᠨ ᠣᠷᠳᠣᠨ ᠤ ᠡᠭᠦᠷᠭᠡ ᠴᠢᠳᠠᠪᠣᠷᠢ ᠶᠢᠨ ᠬᠤᠪᠢᠷᠠᠭᠤᠯᠣᠯᠲᠠ ᠬᠦᠷᠦᠯᠴᠡᠬᠦ | ᠦᠭᠡᠢ ᠪᠠᠶᠢᠨ᠎ᠠ᠃ ᠵᠠᠰᠠᠭ ᠤᠨ ᠣᠷᠳᠣᠨ ᠬᠢᠭᠡᠳ ᠵᠠᠬ᠎ᠠ ᠳᠡᠯᠭᠡᠭᠦᠷ᠂ ᠨᠡᠶᠢᠬᠡᠮ ᠤᠨ ᠬᠠᠷᠢᠴᠠᠭ᠎ᠠ ᠪᠠᠰᠠ ᠰᠢᠯᠣᠭᠤᠳᠣᠭᠠᠳᠣᠢ ᠪᠠᠶᠢᠵᠣ᠂ ᠣᠯᠠᠨ ᠨᠡᠶᠢᠲᠡ ᠶᠢᠨ | ᠦᠢᠯᠡᠴᠢᠯᠡᠭᠡᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠣᠯᠲᠠ ᠵᠡᠷᠭᠡ ᠡᠭᠦᠷᠭᠡ ᠴᠢᠳᠠᠪᠣᠷᠢ ᠪᠠᠨ ᠪᠠᠳᠠᠷᠠᠭᠤᠯᠬᠤ ᠶᠠᠪᠣᠳᠠᠯ ᠪᠠᠰᠠ ᠬᠦᠷᠦᠯᠴᠡᠬᠦ ᠦᠭᠡᠢ ᠪᠠᠶᠢᠵᠣ᠂ ︽ | ᠳᠦᠷᠪᠡᠨ ᠰᠣᠷᠲᠠᠯ︾ ᠤᠨ ᠠᠰᠠᠭᠤᠳᠠᠯ ᠮᠦᠨ ᠬᠦ ᠠᠳᠠᠯᠢ ᠪᠣᠰᠣ ᠬᠡᠮᠵᠢᠶ᠎ᠡ ᠪᠠᠷ ᠣᠷᠣᠰᠢᠵᠣ ᠪᠠᠶᠢᠨ᠎ᠠ᠃ ᠡᠭᠦᠨ ᠢ ᠪᠢᠳᠡ ᠬᠢᠨᠠᠮᠠᠭᠠᠢ ᠰᠢᠢᠳᠪᠦᠷᠢᠯᠡᠬᠦ ᠬᠡᠷᠡᠭᠲᠡᠢ᠃ | ᠬᠤᠶᠠᠷ᠂ ᠡᠨᠡ ᠵᠢᠯ ᠤᠨ ᠭᠤᠣᠯ ᠡᠭᠦᠷᠭᠡ | 2014 ᠣᠨ ᠪᠣᠯ ᠨᠠᠮ ᠤᠨ ᠠᠷᠪᠠᠨ ᠨᠠᠢᠮᠠᠳᠣᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠣᠭᠠᠷ ᠪᠦᠬᠦᠲᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠣᠭᠤᠰᠢᠯᠠᠭᠤᠯᠣᠨ ᠨᠠᠶᠢᠳᠠᠪᠦᠷᠢᠵᠢᠭᠤᠯᠵᠣ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠬᠦᠯᠬᠦ ᠡᠬᠢᠯᠡᠯᠲᠡ ᠶᠢᠨ ᠵᠢᠯ ᠪᠣᠯᠬᠤ ᠪᠦᠭᠡᠳ ᠮᠦᠨ ᠴᠦ ᠦᠪᠡᠷᠲᠡᠬᠡᠨ | ᠵᠠᠰᠠᠬᠤ ᠣᠷᠣᠨ ᠤ ︽8337︾ ᠬᠦᠭᠵᠢᠯᠲᠡ ᠶᠢᠨ ᠰᠡᠳᠬᠢᠴᠡ ᠶᠢ ᠲᠣᠭᠤᠰᠢᠯᠠᠭᠤᠯᠣᠨ ᠨᠠᠶᠢᠳᠠᠪᠦᠷᠢᠵᠢᠭᠤᠯᠬᠤ ᠶᠢ ᠲᠦᠯᠬᠢᠨ ᠠᠬᠢᠭᠤᠯᠬᠤ᠂ ︽12.5︾ ᠶᠢᠨ | ᠲᠦᠯᠦᠪᠵᠢᠭᠦᠯᠭᠡ ᠶᠢᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠡᠨᠡ ᠵᠢᠯ ᠤᠨ ᠠᠵᠣ ᠠᠬᠤᠢ ᠨᠡᠶᠢᠬᠡᠮ ᠤᠨ ᠬᠦᠭᠵᠢᠯᠲᠡ ᠶᠢᠨ | ᠣᠷᠴᠢᠨ ᠠᠬᠤᠢ ᠮᠦᠨ ᠬᠦ ᠪᠣᠳᠣᠯᠢᠶᠠᠨᠲᠠᠢ ᠪᠦᠭᠡᠳ ᠬᠠᠲᠠᠭᠤ ᠴᠢᠩᠭ᠎ᠠ ᠪᠠᠶᠢᠵᠣ᠂ ᠲᠣᠭᠲᠠᠭᠤᠨ ᠪᠠᠶᠢᠬᠤ ᠶᠢᠨ ᠳᠠᠭᠠᠣ ᠲᠦᠭᠰᠢᠭᠦᠷᠢ ᠲᠠᠢ᠂ ᠠᠵᠣ ᠲᠣᠬᠢᠶᠠᠯ ᠪᠣᠯᠣᠨ | ᠦᠷᠢᠰᠦᠯᠳᠦᠭᠡᠨ ᠬᠠᠮᠲᠣ ᠣᠷᠣᠰᠢᠵᠣ ᠪᠣᠢ᠃ ᠪᠢᠳᠡ ᠲᠣᠯᠭᠠᠷᠠᠵᠣ ᠮᠡᠳᠡᠬᠦ ᠬᠦᠴᠢᠷᠳᠡᠯ ᠪᠣᠯᠣᠨ ᠦᠷᠢᠰᠦᠯᠳᠦᠭᠡᠨ ᠢ ᠭᠦᠢᠴᠡᠳ ᠵᠢᠱᠢᠵᠦ᠂ ᠦᠷᠢᠳᠠᠰᠠ ᠰᠠᠶᠢᠳᠣᠷ | ᠪᠡᠯᠡᠳᠬᠡᠯ ᠬᠢᠵᠦ᠂ ᠬᠡᠮ ᠢ ᠢᠷᠡᠬᠦ ᠠᠴᠠ ᠨᠢ ᠡᠮᠦᠨ᠎ᠡ ᠰᠡᠷᠭᠡᠶᠢᠯᠡᠬᠦ ᠬᠡᠷᠡᠭᠲᠡᠢ ᠮᠦᠷᠲᠡᠬᠡᠨ ᠪᠠᠰᠠ ᠢᠲᠡᠭᠡᠯ ᠵᠣᠷᠢᠭ ᠢᠶᠠᠨ ᠪᠠᠳᠣᠳᠬᠠᠨ᠂ ᠰᠢᠨᠵᠢᠯᠡᠬᠦ ᠣᠬᠠᠭᠠᠨᠴᠢ ᠪᠠᠷ | ᠠᠷᠭᠠᠴᠠᠵᠣ᠂ ᠡᠯ᠎ᠡ ᠵᠦᠢᠯ ᠤᠨ ᠠᠵᠢᠯ ᠢᠶᠠᠨ ᠯᠠᠪᠲᠠᠭᠤᠨ ᠪᠠᠲᠣᠲᠠᠢ ᠰᠠᠶᠢᠳᠣᠷ ᠬᠢᠬᠦ ᠬᠡᠷᠡᠭᠲᠡᠢ᠃ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠲᠠᠯᠭ᠎ᠠ ᠪᠣᠯ᠄ ᠲᠣᠮᠲᠠᠲᠣ ᠣᠯᠣᠰ ᠤᠨ ᠣᠨᠴᠠᠯᠢᠭ ᠪᠦᠬᠦᠢ ᠨᠡᠶᠢᠬᠡᠮ ᠵᠢᠷᠣᠮ ᠤᠨ ᠠᠭᠤᠣ | ᠶᠡᠭᠡ ᠲᠤᠭ ᠢ ᠦᠨᠳᠦᠷ ᠮᠠᠨᠳᠣᠭᠤᠯᠣᠨ᠂ ᠳ᠋ᠸᠡᠭ ᠰᠢᠶᠣᠣ ᠫᠢᠡᠭ ᠤᠨ ᠣᠨᠣᠯ᠂ ︽ᠭᠤᠷᠪᠠ ᠶᠢ ᠲᠦᠯᠦᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠣᠬᠠᠭᠠᠨᠴᠢ | ᠬᠦᠭᠵᠢᠯᠲᠡ ᠶᠢᠨ ᠦᠵᠡᠯᠲᠡ ᠪᠠᠷ ᠵᠢᠯᠣᠭᠤᠳᠠᠯᠭ᠎ᠠ ᠪᠣᠯᠭᠠᠵᠣ᠂ ᠨᠠᠮ ᠤᠨ ᠠᠷᠪᠠᠨ ᠨᠠᠢᠮᠠᠳᠣᠭᠠᠷ ᠶᠡᠭᠡ ᠬᠤᠷᠠᠯ᠂ ᠠᠷᠪᠠᠨ ᠨᠠᠢᠮᠠᠳᠣᠭᠠᠷ ᠬᠤᠭᠤᠴᠠᠭᠠᠨ ᠤ ᠲᠦᠪ | ᠬᠤᠷᠢᠶᠠᠨ ᠤ ᠬᠤᠶᠠᠳᠣᠭᠠᠷ᠂ ᠭᠤᠷᠪᠠᠳᠣᠭᠠᠷ ᠪᠦᠬᠦᠲᠡ ᠬᠤᠷᠠᠯ᠂ ᠲᠦᠪ ᠤᠨ ᠠᠵᠣ ᠠᠬᠤᠢ ᠶᠢᠨ ᠠᠵᠢᠯ ᠤᠨ ᠬᠤᠷᠠᠯ ᠪᠣᠯᠣᠨ ᠰᠢ ᠶᠢᠨ ᠫᠢᠡᠭ ᠶᠡᠷᠦᠩᠬᠡᠢ ᠱᠦᠵᠢ ᠶᠢᠨ | ᠠᠯᠢ ᠣᠯᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠣᠨ ᠨᠠᠶᠢᠳᠠᠪᠦᠷᠢᠵᠢᠭᠤᠯᠵᠣ᠂ ᠦᠪᠡᠷᠲᠡᠭᠡᠨ ᠵᠠᠰᠠᠬᠤ ᠣᠷᠣᠨ ᠤ ︽8337︾ | ᠬᠦᠭᠵᠢᠯᠲᠡ ᠶᠢᠨ ᠰᠡᠳᠬᠢᠴᠡ ᠪᠣᠯᠣᠨ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠪᠦᠬᠦ ᠬᠡᠰᠢᠭᠦᠳ ᠤᠨ ᠬᠤᠷᠠᠯ | ᠶᠢᠰᠦᠳᠦᠭᠡᠷ ᠬᠤᠭᠤᠴᠠᠭᠠᠨ ᠤ ᠠᠷᠪᠠᠳᠣᠭᠠᠷ ᠣᠳᠠᠭᠠᠨ ᠤ ᠪᠦᠬᠦ ᠬᠡᠰᠢᠭᠦᠳ ᠤᠨ ᠬᠤᠷᠠᠯ ᠵᠢᠴᠢ ᠪᠦᠬᠦ ᠣᠷᠣᠨ ᠤ ᠠᠵᠣ ᠠᠬᠤᠢ ᠶᠢᠨ ᠠᠵᠢᠯ ᠤᠨ ᠬᠤᠷᠠᠯᠳᠣᠭᠠᠨ ᠤ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠭᠤᠰᠢᠯᠠᠭᠤᠯᠣᠨ ᠨᠠᠶᠢᠳᠠᠪᠣᠷᠢᠵᠢᠭᠤᠯᠵᠣ᠂ ᠯᠠᠪᠳᠠᠭᠤᠨ ᠢᠶᠠᠷ ᠣᠷᠣᠭᠰᠢ ᠳᠠᠪᠰᠢᠭᠤᠯᠬᠤ ᠠᠵᠢᠯ ᠤᠨ ᠶᠡᠷᠦᠩᠬᠡᠢ ᠦᠨᠳᠦᠰᠦᠨ | ᠰᠠᠨᠠᠭ᠎ᠠ ᠶᠢ ᠪᠠᠷᠢᠮᠲᠠᠯᠠᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠵᠣ ᠠᠬᠤᠢ ᠨᠡᠶᠢᠬᠡᠮ ᠤᠨ ᠬᠦᠭᠵᠢᠯᠲᠡ ᠶᠢᠨ ᠡᠯ᠎ᠡ ᠬᠦᠷᠢᠶᠡᠨ ᠤ ᠵᠠᠩᠬᠢᠯᠭ᠎ᠠ | ᠨᠢᠭᠡᠪᠦᠷᠢ ᠳᠤ ᠲᠣᠭᠤᠰᠢᠯᠠᠵᠣ᠂ ᠪᠦᠲᠦᠮᠵᠢᠲᠡᠢ ᠪᠡᠯᠡ ᠣᠷᠣᠭᠤᠯᠣᠯᠲᠠ ᠶᠢ ᠦᠷᠭᠡᠳᠭᠡᠬᠦ ᠪᠠᠷ ᠭᠤᠣᠯᠳᠠᠯᠭ᠎ᠠ ᠪᠣᠯᠭᠠᠨ ᠠᠵᠣ ᠠᠬᠤᠢ ᠶᠢᠨ ᠨᠡᠮᠡᠭᠳᠡᠯ ᠢ | ᠲᠣᠭᠲᠠᠪᠣᠷᠢᠵᠢᠭᠤᠯᠵᠣ᠂ ︽ᠲᠠᠪᠣᠨ ᠶᠡᠭᠡ ᠰᠠᠭᠤᠷᠢᠨ ᠭᠠᠵᠠᠷ︾ ᠢ ᠪᠦᠲᠦᠭᠡᠨ ᠪᠠᠶᠢᠭᠤᠯᠬᠤ ᠪᠠᠷ ᠭᠤᠣᠯᠳᠠᠯᠭ᠎ᠠ ᠪᠣᠯᠭᠠᠨ ᠠᠵᠣ ᠦᠢᠯᠡᠰ ᠤᠨ ᠪᠦᠲᠦᠴᠡ ᠳᠤ | ᠲᠣᠬᠢᠷᠠᠭᠤᠯᠣᠯᠲᠠ ᠬᠢᠵᠦ᠂ ᠠᠷᠠᠳ ᠤᠨ ᠠᠮᠢᠳᠣᠷᠠᠯ ᠤᠨ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠬᠦ ᠪᠠᠷ ᠭᠤᠣᠯᠳᠠᠯᠭ᠎ᠠ ᠪᠣᠯᠭᠠᠨ ᠬᠤᠲᠠ ᠬᠦᠳᠡᠭᠡ ᠶᠢᠨ | ᠵᠣᠬᠢᠴᠠᠩᠭᠤᠢ ᠪᠠᠷ ᠬᠦᠭᠵᠢᠬᠦ ᠶᠢ ᠨᠢᠭᠡᠳᠦᠯᠲᠡᠢ ᠲᠦᠯᠦᠪᠯᠡᠵᠦ᠂ ᠠᠵᠣ ᠠᠬᠤᠢ ᠶᠢᠨ ᠪᠠᠶᠢᠭᠤᠯᠣᠯ ᠤᠨ ᠥᠭᠡᠷᠡᠴᠢᠯᠡᠯᠲᠡ ᠶᠢ ᠲᠦᠷᠭᠡᠳᠬᠡᠬᠦ ᠪᠠᠷ ᠭᠤᠣᠯᠳᠠᠯᠭ᠎ᠠ ᠪᠣᠯᠭᠠᠨ | ᠥᠭᠡᠷᠡᠴᠢᠯᠡᠯᠲᠡ ᠨᠡᠬᠡᠬᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠠᠵᠣ ᠠᠬᠤᠢ ᠶᠢᠨ ᠬᠦᠭᠵᠢᠯᠲᠡ ᠶᠢᠨ ᠶᠠᠰᠣ ᠴᠢᠨᠠᠷ ᠪᠣᠯᠣᠨ ᠦᠷ᠎ᠡ ᠠᠰᠢᠭ ᠢ ᠦᠨᠡᠨᠬᠦ | ᠳᠡᠭᠡᠭᠰᠢᠯᠡᠭᠦᠯᠦᠨ᠂ ᠠᠷᠠᠳ ᠤᠨ ᠠᠮᠢᠳᠣᠷᠠᠯ ᠤᠨ ᠶᠠᠰᠣ ᠴᠢᠨᠠᠷ ᠪᠣᠯᠣᠨ ᠬᠢᠷᠢ ᠬᠡᠮᠵᠢᠶ᠎ᠡ ᠶᠢ ᠲᠠᠰᠣᠷᠠᠯᠲᠠ ᠦᠭᠡᠢ ᠳᠡᠭᠡᠭᠰᠢᠯᠡᠭᠦᠯᠵᠦ᠂ ᠰᠠᠭᠤᠷᠢ ᠪᠡᠯᠡᠳᠭᠡᠮᠵᠢ ᠪᠣᠯᠣᠨ ᠠᠮᠢ | ᠠᠬᠤᠢ ᠶᠢᠨ ᠪᠣᠯᠪᠠᠰᠣᠨ ᠤ ᠪᠠᠶᠢᠭᠤᠯᠣᠯᠲᠠ ᠶᠢ ᠴᠢᠩᠭᠠᠳᠬᠠᠨ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠬᠦ ᠪᠠ | ᠲᠡᠭᠦᠯᠳᠡᠷᠵᠢᠭᠦᠯᠵᠦ᠂ ᠨᠡᠶᠢᠬᠡᠮ ᠤᠨ ᠡᠯ᠎ᠡ ᠵᠦᠢᠯ ᠤᠨ ᠦᠢᠯᠡᠰ ᠢ ᠪᠦᠬᠦ ᠲᠠᠯ᠎ᠠ ᠪᠠᠷ ᠬᠦᠭᠵᠢᠭᠦᠯᠦᠨ᠂ ᠵᠠᠰᠠᠭ ᠤᠨ ᠣᠷᠳᠣᠨ ᠤ ᠡᠭᠦᠷᠭᠡ ᠴᠢᠳᠠᠪᠣᠷᠢ ᠪᠠᠨ | ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠣ᠂ ᠠᠵᠣ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠦᠭᠵᠢᠬᠦ᠂ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ | ᠪᠠᠶᠢᠬᠤ ᠶᠢ ᠠᠬᠢᠭᠤᠯᠬᠤ ᠪᠣᠯᠣᠨ᠎ᠠ᠃ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠭᠡᠢ ᠦᠷᠲᠡᠭ ᠢ 9% ᠣᠷᠴᠢᠮ ᠢᠶᠠᠷ | ᠨᠡᠮᠡᠭᠳᠡᠭᠦᠯᠵᠦ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ ᠶᠢ 7% ᠪᠠᠷ ᠨᠡᠮᠡᠭᠳᠡᠭᠦᠯᠦᠨ᠂ ᠪᠦᠬᠦ ᠨᠡᠶᠢᠬᠡᠮ ᠤᠨ ᠲᠣᠭᠲᠠᠮᠠᠯ ᠬᠦᠷᠦᠩᠭᠡ ᠶᠢᠨ | ᠪᠡᠯᠡ ᠣᠷᠣᠭᠤᠯᠣᠯᠲᠠ ᠶᠢ 15% ᠪᠠᠷ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠣ ᠦᠢᠯᠡᠳᠪᠦᠷᠢ ᠶᠢᠨ ᠨᠡᠮᠡᠭᠳᠡᠯ ᠢ 12% ᠢᠶᠠᠷ ᠨᠡᠮᠡᠭᠳᠡᠭᠦᠯᠵᠦ᠂ ᠬᠤᠲᠠ | ᠪᠠᠯᠭᠠᠰᠣ ᠶᠢᠨ ᠰᠠᠭᠤᠭᠠᠯᠢ ᠠᠷᠠᠳ ᠤᠨ ᠬᠦᠮᠦᠨ ᠪᠦᠷᠢ ᠶᠢᠨ ᠡᠵᠡᠮᠳᠡᠵᠦ ᠪᠣᠯᠬᠤ ᠳᠣᠮᠳᠠᠴᠢ ᠣᠷᠣᠯᠭ᠎ᠠ ᠶᠢ 9% ᠪᠠᠷ ᠨᠡᠮᠡᠭᠳᠡᠭᠦᠯᠵᠦ᠂ ᠮᠠᠯᠴᠢᠨ ᠲᠠᠷᠢᠶᠠᠴᠢᠨ ᠬᠦᠮᠦᠨ | ᠪᠦᠷᠢ ᠶᠢᠨ ᠳᠣᠮᠳᠠᠴᠢ ᠴᠡᠪᠡᠷ ᠣᠷᠣᠯᠭ᠎ᠠ ᠶᠢ 10% ᠪᠠᠷ ᠨᠡᠮᠡᠭᠳᠡᠭᠦᠯᠵᠦ᠂ ᠨᠡᠶᠢᠬᠡᠮ ᠤᠨ ᠬᠡᠷᠡᠭᠯᠡᠭᠡᠨ ᠤ ᠬᠡᠷᠡᠭᠰᠡᠯ ᠤᠨ ᠵᠢᠵᠢᠭᠯᠡᠨ ᠬᠤᠳᠠᠯᠳᠣᠬᠤ ᠶᠡᠷᠦᠩᠬᠡᠢ ᠲᠤᠭ᠎ᠠ ᠶᠢ | 12% ᠢᠶᠠᠷ ᠨᠡᠮᠡᠭᠳᠡᠭᠦᠯᠦᠨ᠎ᠡ︔ ᠬᠤᠲᠠ ᠪᠠᠯᠭᠠᠰᠣ ᠶᠢᠨ ᠳᠠᠩᠰᠠᠯᠠᠭᠤᠯᠬᠤ ᠠᠵᠢᠯ ᠤᠨ ᠠᠯᠳᠠᠯᠲᠠ ᠶᠢᠨ ᠨᠣᠷᠮ᠎ᠠ ᠶᠢ 4% ᠶᠢᠨ ᠲᠣᠲᠣᠷ᠎ᠠ ᠬᠢᠵᠠᠭᠠᠷᠯᠠᠵᠣ᠂ | ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠨᠭ᠍ᠰᠢ ᠶᠢᠨ ᠶᠡᠷᠦᠩᠬᠡᠢ ᠬᠢᠷᠢ ᠬᠡᠮᠵᠢᠶ᠎ᠡ ᠶᠢᠨ ᠦᠰᠦᠯᠲᠡ ᠶᠢᠨ ᠬᠡᠮᠵᠢᠶ᠎ᠡ ᠶᠢ 3.5% ᠶᠢᠨ ᠣᠷᠴᠢᠮ ᠳᠤ ᠬᠢᠵᠠᠭᠠᠷᠯᠠᠵᠣ᠂ | ᠨᠢᠭᠡᠴᠢ ᠦᠢᠯᠡᠳᠪᠦᠷᠢᠯᠡᠯ ᠤᠨ ᠶᠡᠷᠦᠩᠬᠡᠢ ᠦᠷᠲᠡᠭ ᠲᠠᠬᠢ ᠡᠨᠧᠷᠬᠢ ᠶᠢᠨ ᠬᠤᠷᠣᠭᠳᠠᠭᠤᠯᠭ᠎ᠠ ᠪᠣᠯᠣᠨ ᠨᠡᠭᠦᠷᠡᠰᠦᠳᠦᠷᠦᠭᠴᠢ ᠶᠢᠨ ᠲᠠᠪᠬᠤᠷ ᠢᠰᠦᠯ ᠤᠨ | ᠭᠠᠳᠠᠭᠰᠢᠯᠠᠭᠤᠯᠬᠤ ᠬᠡᠮᠵᠢᠶ᠎ᠡ ᠶᠢ ᠴᠦᠮ 2.2% ᠠᠴᠠ ᠳᠡᠭᠡᠭᠰᠢ ᠪᠠᠷ ᠪᠠᠭᠤᠷᠭᠤᠯᠬᠤ ᠪᠣᠯᠣᠨ᠎ᠠ᠃ | ᠠᠵᠣ ᠠᠬᠤᠢ ᠨᠡᠶᠢᠬᠡᠮ ᠤᠨ ᠬᠦᠭᠵᠢᠯᠲᠡ ᠶᠢᠨ ᠬᠠᠷᠠᠯᠲᠠ ᠶᠢᠨ ᠡᠭᠦᠷᠬᠡ ᠶᠢ ᠪᠡᠶᠡᠯᠡᠭᠦᠯᠬᠦ ᠳᠤ᠂ ᠭᠤᠷᠪᠠᠨ ᠲᠠᠯ᠎ᠠ ᠶᠢ ᠰᠠᠶᠢᠳᠣᠷ ᠡᠵᠡᠮᠰᠢᠬᠦ ᠬᠡᠷᠡᠭᠲᠡᠢ᠄ ᠨᠢᠭᠡ ᠳᠤ | ᠯᠠᠪᠳᠠᠭᠤᠨ ᠢᠶᠠᠷ ᠣᠷᠣᠭᠰᠢ ᠳᠠᠪᠰᠢᠭᠤᠯᠬᠤ ᠶᠢ ᠪᠠᠷᠢᠮᠲᠠᠯᠠᠬᠤ ᠬᠡᠷᠡᠭᠲᠡᠢ᠃ ᠣᠳᠣᠬᠠᠨ ᠤ ᠪᠠ ᠬᠤᠶᠢᠰᠢᠲᠠ ᠶᠢᠨ ᠨᠢᠭᠡᠨ ᠬᠤᠭᠤᠴᠠᠭᠠᠨ ᠳᠤ᠂ ᠬᠡᠳᠦᠶᠢᠪᠡᠷ ᠮᠠᠨ ᠤ | ᠣᠷᠣᠨ ᠤ ᠠᠵᠣ ᠠᠬᠤᠢ ᠨᠡᠶᠢᠬᠡᠮ ᠤᠨ ᠬᠦᠭᠵᠢᠯᠲᠡ ᠶᠢᠨ ᠣᠷᠲᠣ ᠬᠤᠭᠤᠴᠠᠭ᠎ᠠ ᠪᠠᠷ ᠰᠠᠶᠢᠵᠢᠷᠠᠯ ᠲᠠᠢ ᠪᠠᠶᠢᠬᠤ ᠦᠨᠳᠦᠰᠦᠨ ᠪᠠᠶᠢᠳᠠᠯ ᠬᠤᠪᠢᠷᠭᠠᠲᠣᠢ ᠪᠣᠯᠪᠠᠴᠣ᠂ | ᠭᠠᠳᠠᠭᠠᠲᠣ ᠣᠷᠴᠢᠨ ᠠᠬᠤᠢ ᠪᠣᠯᠣᠨ ᠲᠣᠯᠭᠠᠭᠤᠷᠢᠯᠠᠬᠤ ᠨᠦᠭᠦᠴᠡᠯ ᠳᠤ ᠢᠯᠡᠷᠡᠬᠡᠢ ᠬᠤᠪᠢᠷᠠᠯᠲᠠ ᠭᠠᠷᠴᠣ᠂ ᠶᠠᠭ ᠠᠵᠣ ᠠᠬᠤᠢ ᠬᠤᠷᠳᠣᠴᠠ ᠪᠠᠨ ᠨᠡᠮᠡᠭᠳᠡᠭᠦᠯᠬᠦ | ᠳᠡᠰ ᠢᠶᠠᠨ ᠰᠣᠯᠢᠬᠤ ᠬᠤᠭᠤᠴᠠᠭ᠎ᠠ ᠪᠠ ᠪᠦᠲᠦᠴᠡ ᠶᠢᠨ ᠲᠣᠬᠢᠷᠠᠭᠤᠯᠣᠯᠲᠠ ᠦᠶ᠎ᠡ ᠦᠶ᠎ᠡ ᠬᠦᠨᠳᠡᠬᠦ ᠬᠤᠭᠤᠴᠠᠭᠠᠨ ᠳᠤ ᠣᠷᠣᠰᠢᠬᠤ ᠪᠣᠯᠣᠨ᠎ᠠ᠃ ᠡᠨᠡᠬᠦ | ᠬᠤᠭᠤᠴᠠᠭᠠᠨ ᠳᠤ ᠠᠵᠣ ᠠᠬᠤᠢ ᠶᠢᠨ ᠯᠠᠪᠳᠠᠭᠤᠨ ᠲᠣᠭᠲᠠᠭᠤᠨ ᠪᠦᠭᠡᠳ ᠨᠡᠯᠢᠶᠡᠳ ᠲᠦᠷᠭᠡᠨ ᠨᠡᠮᠡᠭᠳᠡᠯ ᠢ ᠪᠠᠲᠣᠯᠠᠵᠣ᠂ ᠠᠵᠢᠯ ᠣᠯᠭᠤᠯᠲᠠ ᠶᠢ ᠦᠷᠭᠡᠳᠭᠡᠬᠦ᠂ ᠡᠳ᠋ | ᠤᠨ ᠬᠦᠴᠦᠨ ᠢ ᠨᠡᠮᠡᠭᠳᠡᠭᠦᠯᠬᠦ᠂ ᠠᠷᠠᠳ ᠤᠨ ᠠᠮᠢᠳᠣᠷᠠᠯ ᠢ ᠰᠠᠶᠢᠵᠢᠷᠠᠭᠤᠯᠬᠤ᠂ ᠨᠡᠶᠢᠭᠡᠮ ᠢ ᠲᠣᠭᠲᠠᠭᠤᠨ ᠪᠠᠶᠢᠯᠭᠠᠬᠤ ᠵᠢᠱᠢᠯᠲᠡ ᠳᠤ ᠪᠠᠲᠣᠯᠠᠭ᠎ᠠ ᠬᠠᠨᠭ᠍ᠭᠠᠬᠤ ᠬᠡᠷᠡᠭᠲᠡᠢ | ᠮᠦᠷᠲᠡᠭᠡᠨ ᠪᠠᠰᠠ ᠠᠵᠣ ᠠᠬᠤᠢ ᠶᠢᠨ ᠨᠡᠮᠡᠭᠳᠡᠯ ᠤᠨ ᠬᠤᠷᠳᠣᠴᠠ ᠶᠢ ᠵᠦᠢ ᠵᠣᠬᠢᠰᠲᠠᠢ ᠣᠷᠣᠨ ᠳᠤ ᠬᠢᠵᠠᠭᠠᠷᠯᠠᠵᠣ᠂ ᠠᠷᠭ᠎ᠠ ᠮᠠᠶ᠋ᠢᠭ ᠢᠶᠠᠨ ᠬᠤᠪᠢᠷᠠᠭᠤᠯᠬᠤ᠂ | ᠪᠦᠲᠦᠴᠡ ᠶᠢ ᠲᠣᠬᠢᠷᠠᠭᠤᠯᠬᠤ ᠳᠤ ᠣᠷᠣᠨ ᠵᠠᠢ ᠦᠯᠡᠳᠡᠭᠡᠵᠦ ᠦᠭᠬᠦ ᠬᠡᠷᠡᠭᠲᠡᠢ᠃ ᠡᠶᠢᠮᠦ ᠠᠴᠠ᠂ ᠡᠷᠬᠡᠪᠰᠢ ᠯᠠᠪᠳᠠᠭᠤᠨ ᠢᠶᠠᠷ ᠣᠷᠣᠭᠰᠢ ᠲᠠᠪᠰᠢᠭᠤᠯᠬᠤ᠂ | ᠯᠠᠪᠳᠠᠭᠤᠨ ᠢᠶᠠᠷ ᠦᠢᠯᠡᠰ ᠪᠦᠳᠦᠭᠡᠬᠦ᠂ ᠯᠠᠪᠳᠠᠭᠤᠨ ᠢᠶᠠᠷ ᠴᠢᠨᠠᠷ ᠢ ᠳᠡᠭᠡᠭᠰᠢᠯᠡᠭᠦᠯᠬᠦ ᠶᠢ ᠪᠠᠷᠢᠮᠲᠠᠯᠠᠨ᠂ ᠠᠵᠣ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠦᠭᠵᠢᠬᠦ᠂ | ᠨᠡᠶᠢᠭᠡᠮ ᠤᠨ ᠡᠶ᠎ᠡ ᠵᠣᠬᠢᠴᠠᠯ ᠲᠠᠢ ᠪᠦᠭᠡᠳ ᠲᠣᠭᠲᠠᠭᠤᠨ ᠪᠠᠶᠢᠬᠤ ᠶᠢ ᠲᠦᠯᠬᠢᠨ ᠠᠬᠢᠭᠤᠯᠬᠤ ᠬᠡᠷᠡᠭᠲᠡᠢ᠃ ᠬᠤᠶᠠᠷ ᠲᠤ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠶᠢ ᠪᠠᠷᠢᠮᠲᠠᠯᠠᠬᠤ ᠬᠡᠷᠡᠭᠲᠡᠢ᠃ ᠲᠦᠪ ᠠᠴᠠ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠴᠢᠬᠤᠯᠠ ᠶᠡᠭᠡ ᠪᠠᠶᠢᠯᠳᠣᠬᠤ ᠪᠣᠳᠣᠯᠭ᠎ᠠ ᠶᠢᠨ ᠪᠠᠶᠢᠷᠢᠯᠠᠭᠤᠯᠣᠯᠲᠠ | ᠬᠢᠭᠰᠡᠨ ᠶᠠᠪᠣᠳᠠᠯ ᠨᠢ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ ᠳᠡᠰ ᠳᠡᠪᠰᠢᠭᠦᠯᠬᠦ ᠪᠠᠷ ᠭᠤᠣᠯ ᠪᠣᠯᠭᠠᠭᠰᠠᠨ ᠰᠢᠨ᠎ᠡ ᠨᠢᠭᠡᠨ ᠡᠭᠡᠯᠵᠢ ᠶᠢᠨ | ᠬᠦᠭᠵᠢᠯᠲᠡ ᠶᠢ ᠲᠦᠯᠬᠢᠨ ᠠᠬᠢᠭᠤᠯᠬᠤ ᠪᠣᠯᠣᠨ᠎ᠠ᠂ ᠬᠡᠷᠪᠡ ᠰᠢᠨ᠎ᠡ ᠡᠷᠡᠨ ᠵᠠᠭᠤᠨ ᠤ ᠲᠦᠷᠦᠭᠦᠦ ᠠᠷᠪᠠᠨ ᠵᠢᠯ ᠳᠤ ᠦᠪᠦᠷ ᠮᠣᠩᠭᠤᠯ ᠮᠠᠨ ᠤ ᠣᠯᠣᠰ ᠤᠨ ᠠᠵᠣ | ᠠᠬᠤᠢ ᠶᠢᠨ ᠲᠦᠷᠭᠡᠨ ᠨᠡᠮᠡᠭᠳᠡᠯ ᠤᠨ ᠬᠤᠭᠤᠴᠠᠭᠠᠨ ᠳᠤ ᠣᠷᠣᠭᠰᠠᠨ ᠴᠢᠬᠤᠯᠠ ᠶᠡᠭᠡ ᠠᠵᠠ ᠲᠣᠬᠢᠶᠠᠯ ᠢ ᠵᠠᠪᠳᠣᠨ᠂ ᠡᠬᠢ ᠪᠠᠶᠠᠯᠢᠭ ᠤᠨ ᠳᠠᠪᠠᠭᠤᠯᠢᠭ ᠢᠶᠠᠨ | ᠪᠠᠳᠠᠷᠠᠭᠤᠯᠬᠤ ᠪᠠᠷ ᠳᠠᠮᠵᠢᠭᠤᠯᠣᠨ ᠠᠵᠣ ᠠᠬᠤᠢ ᠶᠢᠨ ᠨᠢᠰᠬᠦ ᠮᠡᠲᠦ ᠲᠦᠷᠭᠡᠨ ᠬᠦᠭᠵᠢᠬᠦ ᠶᠢ ᠪᠡᠶᠡᠯᠡᠭᠦᠯᠪᠡ ᠭᠡᠬᠦ ᠳᠤ ᠬᠦᠷᠪᠡᠯ᠂ ᠣᠳᠣ ᠪᠠᠷ ᠢᠶᠠᠨ ᠰᠢᠨ᠎ᠡ ᠨᠢᠭᠡᠨ | ᠡᠭᠡᠯᠵᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠂ ᠥᠭᠡᠷᠡᠴᠢᠯᠡᠯᠲᠡ ᠪᠠᠷ ᠬᠦᠭᠵᠢᠯᠲᠡ ᠶᠢ ᠠᠬᠢᠭᠤᠯᠵᠣ ᠠᠷᠭ᠎ᠠ ᠮᠠᠶ᠋ᠢᠭ ᠢᠶᠠᠨ | ᠬᠤᠪᠢᠷᠠᠭᠤᠯᠬᠤ ᠪᠠᠷ ᠪᠦᠲᠦᠴᠡ ᠶᠢᠨ ᠲᠣᠬᠢᠷᠠᠭᠤᠯᠣᠯᠲᠠ ᠶᠢ ᠠᠬᠢᠭᠤᠯᠵᠣ᠂ ᠠᠷᠠᠳ ᠤᠨ ᠠᠮᠢᠳᠣᠷᠠᠯ ᠢ ᠰᠠᠶᠢᠵᠢᠷᠠᠭᠤᠯᠬᠤ ᠶᠢ ᠠᠬᠢᠭᠤᠯᠵᠣ᠂ ᠥᠭᠡᠷᠡᠴᠢᠯᠡᠯᠲᠡ ᠬᠢᠵᠦ | ᠰᠢᠨ᠎ᠡ ᠡᠭᠦᠳᠬᠦ ᠪᠠᠷ ᠳᠠᠮᠵᠢᠭᠤᠯᠣᠨ ᠠᠵᠣ ᠠᠬᠤᠢ ᠨᠡᠶᠢᠭᠡᠮ ᠤᠨ ᠬᠦᠭᠵᠢᠯᠲᠡ ᠶᠢᠨ ᠲᠣᠲᠣᠭᠠᠲᠣ ᠬᠦᠳᠡᠯᠭᠡᠬᠦ ᠬᠦᠴᠦᠨ ᠪᠣᠯᠣᠨ ᠠᠮᠢᠵᠢᠷᠠᠯ ᠶᠢᠨ ᠬᠦᠴᠦᠨ ᠢ ᠭᠦᠢᠴᠡᠳ | ᠭᠠᠷᠭᠠᠨ᠂ ᠨᠡᠩ ᠰᠠᠶᠢᠨ ᠶᠠᠰᠣ ᠴᠢᠨᠠᠷ᠂ ᠨᠡᠩ ᠢᠯᠡᠭᠦᠦ ᠦᠷ᠎ᠡ ᠠᠰᠢᠭ᠂ ᠨᠡᠩ ᠦᠷᠭᠦᠯᠵᠢᠯᠡᠬᠦ ᠬᠦᠭᠵᠢᠯᠲᠡ ᠶᠢ ᠪᠡᠶᠡᠯᠡᠭᠦᠯᠬᠦ ᠬᠡᠷᠡᠭᠲᠡᠢ᠃ ᠭᠤᠷᠪᠠ ᠳᠤ ᠠᠷᠠᠳ ᠤᠨ | ᠠᠮᠢᠳᠣᠷᠠᠯ ᠢ ᠡᠩ ᠲᠡᠷᠢᠭᠦᠨ ᠳᠤ ᠪᠠᠶᠢᠯᠭᠠᠬᠤ ᠶᠢ ᠪᠠᠷᠢᠮᠲᠠᠯᠠᠬᠤ ᠬᠡᠷᠡᠭᠲᠡᠢ᠃ ᠲᠦᠪ ᠤᠨ ︽ᠨᠠᠭᠠᠲᠣ ᠵᠠᠬ᠎ᠠ ᠶᠢᠨ ᠨᠦᠭᠦᠴᠡᠯ ᠪᠣᠯᠣᠮᠵᠢ ᠪᠠᠨ ᠪᠠᠷᠢᠮᠲᠠᠯᠠᠬᠤ᠂ | ᠭᠤᠣᠯᠳᠠᠭ᠎ᠠ ᠶᠢ ᠳᠣᠪᠣᠶᠢᠯᠭᠠᠬᠤ᠂ ᠳᠦᠷᠢᠮ ᠢ ᠲᠡᠭᠦᠯᠳᠡᠷᠵᠢᠭᠦᠯᠬᠦ᠂ ᠶᠠᠷᠢᠶ᠎ᠠ ᠬᠡᠯᠡᠯᠴᠡᠭᠡᠨ ᠢ ᠬᠦᠳᠦᠯᠦᠨ ᠵᠢᠯᠣᠭᠤᠳᠬᠤ︾ ᠱᠠᠠᠭᠠᠷᠲᠠᠯᠭᠠ ᠶᠣᠰᠣᠭᠠᠷ᠂ ᠦᠪᠡᠷᠲᠡᠭᠡᠨ | ᠵᠠᠰᠠᠬᠤ ᠣᠷᠣᠨ ᠤ ᠪᠣᠲᠠᠲᠣ ᠪᠠᠶᠢᠳᠠᠯ ᠲᠠᠢ ᠣᠶᠠᠯᠳᠣᠭᠤᠯᠣᠨ᠂ ᠠᠵᠢᠯ ᠣᠯᠭᠤᠬᠤ᠂ ᠰᠣᠷᠭᠠᠨ ᠬᠦᠮᠦᠵᠢᠯ᠂ ᠣᠷᠣᠨ ᠰᠠᠭᠤᠴᠠ᠂ ᠨᠡᠶᠢᠭᠡᠮ ᠤᠨ ᠪᠠᠲᠣᠯᠠᠭ᠎ᠠ᠂ | ᠣᠷᠣᠯᠭ᠎ᠠ ᠶᠢᠨ ᠬᠤᠪᠢᠶᠠᠷᠢᠯᠠᠯᠲᠠ᠂ ᠣᠯᠠᠨ ᠨᠡᠶᠢᠲᠡ ᠶᠢᠨ ᠠᠮᠣᠷ ᠲᠦᠪᠰᠢᠨ ᠵᠡᠷᠭᠡ ᠠᠷᠠᠳ ᠤᠨ ᠠᠮᠢᠳᠣᠷᠠᠯ ᠤᠨ ᠡᠯ᠎ᠡ ᠵᠦᠢᠯ ᠤᠨ ᠠᠵᠢᠯ ᠢ ᠨᠢᠭᠡᠲᠦᠯᠲᠡᠢ ᠲᠦᠯᠦᠪᠯᠡᠨ | ᠰᠠᠶᠢᠳᠣᠷ ᠬᠢᠵᠦ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠣᠯᠲᠠ ᠶᠢ ᠲᠦᠷᠭᠡᠳᠭᠡᠨ ᠠᠬᠢᠭᠤᠯᠵᠣ᠂ ᠪᠦᠬᠦ ᠰᠡᠳᠭᠢᠯ ᠪᠠᠶᠢᠳᠠᠭ | ᠴᠢᠳᠠᠯ ᠢᠶᠠᠷ ᠢᠶᠠᠨ ᠠᠷᠠᠳ ᠣᠯᠠᠨ ᠳᠤ ᠪᠣᠲᠠᠲᠣ ᠶᠠᠪᠣᠳᠠᠯ ᠬᠢᠵᠦ ᠦᠭᠵᠦ ᠬᠦᠴᠢᠷ ᠶᠠᠪᠣᠳᠠᠯ ᠢ ᠨᠢ ᠰᠢᠢᠳᠪᠦᠷᠢᠯᠡᠵᠦ᠂ ᠪᠦᠬᠦ ᠣᠷᠣᠨ ᠤ ᠦᠨᠳᠦᠰᠦᠲᠡᠨ ᠨᠦᠭᠦᠳ ᠤᠨ | ᠣᠯᠠᠨ ᠲᠦᠮᠡᠨ ᠳᠤ ᠥᠭᠡᠷᠡᠴᠢᠯᠡᠯᠲᠡ ᠬᠦᠭᠵᠢᠯᠲᠡ ᠶᠢ ᠦᠷ᠎ᠡ ᠪᠦᠲᠦᠭᠡᠯ ᠢ ᠭᠦᠢᠴᠡᠳ ᠬᠦᠷᠲᠡᠭᠡᠬᠦ ᠬᠡᠷᠡᠭᠲᠡᠢ᠃ | ᠡᠨᠡ ᠵᠢᠯ ᠲᠣᠣᠷᠠᠬᠢ ᠠᠷᠪᠠᠨ ᠠᠵᠢᠯ ᠢ ᠭᠤᠣᠯᠳᠠᠯᠭ᠎ᠠ ᠲᠠᠢ ᠰᠠᠶᠢᠳᠣᠷ ᠠᠳᠬᠤᠬᠤ ᠬᠡᠷᠡᠭᠲᠡᠢ᠃ | ︵ᠨᠢᠭᠡ︶ ᠪᠦᠲᠦᠮᠵᠢᠲᠠᠢ ᠬᠡᠷᠡᠭᠴᠡᠭᠡ ᠶᠢ ᠴᠢᠷᠮᠠᠶᠢᠨ ᠦᠷᠭᠡᠳᠬᠡᠵᠤ᠂ ᠠᠵᠤ ᠠᠬᠤᠢ ᠶᠢᠨ ᠲᠤᠭᠲᠠᠭᠤᠨ ᠢᠶᠠᠷ ᠨᠡᠮᠡᠭᠳᠡᠭᠦ ᠶᠢ ᠠᠬᠢᠭᠤᠯᠤᠨ᠎ᠠ | ᠪᠡᠯᠡ ᠤᠷᠤᠭᠤᠯᠤᠯᠲᠠ ᠶᠢ ᠳᠤᠪᠤᠶᠢᠮ᠎ᠠ ᠰᠠᠶᠢᠲᠤᠷ ᠠᠳᠬᠤᠨ᠎ᠠ᠃ ᠲᠦᠷᠦ ᠶᠢᠨ ᠶᠠᠪᠤᠳᠠᠯ ᠤᠨ ᠬᠤᠷᠢᠶᠠᠨ ᠤ ︽ᠦᠪᠦᠷ ᠮᠤᠩᠭᠤᠯ ᠤᠨ ᠠᠵᠤ ᠠᠬᠤᠢ | ᠨᠡᠶᠢᠭᠡᠮ ᠤᠨ ᠴᠢᠨᠠᠷᠯᠢᠭ ᠪᠦᠭᠡᠳ ᠲᠦᠷᠭᠡᠨ ᠬᠦᠭᠵᠢᠯᠲᠠ ᠶᠢ ᠠᠬᠢᠭᠤᠯᠬᠤ ᠲᠤᠬᠠᠢ ᠰᠠᠨᠠᠯ ᠤᠳ︾ ᠢ ᠤᠯᠠᠮ ᠨᠢᠭᠡ ᠠᠯᠬᠤᠮ ᠨᠡᠶᠢᠳᠠᠪᠤᠷᠢᠵᠢᠭᠤᠯᠵᠤ᠂ ᠪᠤᠭᠤᠮᠢ | ᠬᠢᠵᠠᠭᠠᠷᠯᠠᠯ ᠢ ᠰᠢᠪᠲᠤᠯᠬᠤ᠂ ᠠᠵᠤ ᠦᠢᠯᠡᠰ ᠤᠨ ᠪᠦᠲᠦᠴᠡ ᠶᠢ ᠲᠤᠬᠢᠷᠠᠭᠤᠯᠬᠤ ᠪᠠ ᠠᠷᠠᠳ ᠤᠨ ᠠᠮᠢᠳᠤᠷᠠᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠤᠵᠤ | ᠪᠡᠯᠡ ᠤᠷᠤᠭᠤᠯᠤᠯᠲᠠ ᠶᠢ ᠠᠳᠬᠤᠬᠤ ᠲᠤᠭᠤᠷᠢᠨ ᠳᠤ᠂ ᠵᠠᠮ ᠬᠠᠷᠢᠯᠴᠠᠭ᠎ᠠ ᠲᠡᠬᠡᠬᠡᠪᠦᠷᠢ ᠶᠢᠨ ᠰᠢᠰᠲ᠋ᠧᠮᠵᠢ᠂ ᠡᠨᠧᠷᠬᠢ ᠶᠢ ᠭᠠᠳᠠᠭᠰᠢ ᠬᠦᠷᠭᠡᠬᠦ ᠨᠡᠪᠲᠡᠷᠡᠯ ᠵᠠᠮ᠂ ᠤᠰᠤᠨ | ᠠᠰᠢᠭᠯᠠᠯᠲᠠ ᠶᠢᠨ ᠬᠦᠢᠰᠦ ᠪᠠᠷᠢᠯᠭ᠎ᠠ ᠪᠠ ᠮᠡᠳᠡᠭᠡ ᠵᠠᠩᠬᠢ ᠶᠢᠨ ᠲᠤᠤᠷ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ︽ᠲᠠᠪᠤᠨ ᠶᠡᠭᠡ ᠰᠠᠭᠤᠷᠢᠨ | ᠭᠠᠵᠠᠷ︾ ᠤᠨ ᠭᠤᠤᠯᠳᠠᠯᠭ᠎ᠠ ᠲᠠᠢ ᠲᠦᠯᠦᠪᠵᠢᠭᠦᠯᠭᠡ ᠶᠢᠨ ᠲᠦᠷᠦᠯ ᠵᠦᠢᠯ ᠢ ᠶᠡᠬᠡᠪᠡᠷ ᠲᠦᠯᠬᠢᠨ ᠠᠬᠢᠭᠤᠯᠵᠤ᠂ ᠲᠡᠷᠢᠶᠠᠯᠠᠩ ᠮᠠᠯ ᠠᠵᠤ ᠠᠬᠤᠢ᠂ ᠤᠯᠠᠨ | ᠨᠡᠶᠢᠲᠡ ᠶᠢᠨ ᠦᠨᠳᠦᠰᠦᠨ ᠦᠢᠯᠡᠴᠢᠯᠡᠭᠡᠨ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠵᠡᠷᠭᠡ ᠬᠦᠷᠢᠶᠡᠨ ᠤ ᠪᠡᠯᠡ ᠤᠷᠤᠭᠤᠯᠤᠯᠲᠠ ᠶᠢ ᠪᠦᠲᠦᠮᠵᠢᠲᠠᠢ ᠪᠠᠷ | ᠨᠡᠮᠡᠭᠳᠡᠭᠦᠯᠦᠨ᠎ᠡ᠃ ᠤᠯᠠᠨ ᠲᠠᠯ᠎ᠠ ᠠᠴᠠ ᠪᠡᠯᠡ ᠤᠷᠤᠭᠤᠯᠬᠤ᠂ ᠵᠠᠬ᠎ᠠ ᠳᠡᠯᠭᠡᠬᠦᠷ ᠢᠶᠠᠷ ᠠᠵᠢᠯᠯᠠᠭᠤᠯᠬᠤ᠂ ᠲᠦᠷᠦ ᠶᠢᠨ ᠪᠤᠳᠤᠯᠭ᠎ᠠ ᠶᠢ ᠲᠦᠬᠦᠷᠵᠢᠭᠦᠯᠬᠦ ᠦᠨᠳᠦᠰᠦᠨ | ᠰᠡᠳᠬᠢᠴᠡ ᠶᠢ ᠪᠠᠷᠢᠮᠲᠠᠯᠠᠨ᠂ ᠪᠡᠯᠡ ᠲᠤᠬᠢᠷᠠᠭᠤᠯᠬᠤ ᠠᠷᠭ᠎ᠠ ᠵᠠᠮ ᠢ ᠤᠯᠠᠮ ᠨᠢᠭᠡ ᠠᠯᠬᠤᠮ ᠦᠷᠭᠡᠳᠭᠡᠨ᠎ᠡ᠃ ᠤᠯᠤᠰ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠶᠢ | ᠤᠨᠤᠪᠴᠢᠲᠠᠢ ᠡᠵᠡᠮᠰᠢᠨ᠂ ᠲᠦᠪ ᠤᠨ ᠲᠦᠰᠦᠪ ᠤᠨ ᠲᠤᠲᠤᠷᠠᠬᠢ ᠪᠡᠯᠡ ᠮᠦᠡᠭᠭᠦ ᠶᠢ ᠢᠳᠡᠪᠬᠢᠯᠡᠨ ᠤᠯᠵᠤ᠂ ᠮᠦᠡᠭᠭᠦᠨ ᠬᠦᠢᠯᠭᠡᠭᠡᠨ ᠤ ᠪᠠᠶᠢᠭᠤᠯᠤᠮᠵᠢ ᠶᠢᠨ ᠪᠡᠯᠡ | ᠲᠤᠬᠢᠷᠠᠭᠤᠯᠬᠤ ᠬᠡᠪᠴᠢᠶ᠎ᠡ ᠪᠠᠨ ᠦᠷᠭᠡᠳᠬᠡᠬᠦ ᠶᠢ ᠳᠡᠮᠵᠢᠵᠤ ᠬᠦᠲᠦᠯᠦᠨ ᠵᠢᠯᠦᠭᠤᠳᠤᠨ᠎ᠠ᠃ ᠪᠡᠯᠡ ᠤᠷᠤᠭᠤᠯᠬᠤ ᠪᠡᠯᠡ ᠲᠤᠬᠢᠷᠠᠭᠤᠯᠬᠤ ᠪᠠᠶᠢᠭᠤᠯᠤᠯ ᠲᠤᠭᠲᠠᠴᠠ ᠶᠢᠨ | ᠰᠢᠨ᠎ᠠ ᠶᠢ ᠡᠭᠦᠳᠴᠤ᠂ ᠪᠡᠯᠡ ᠤᠷᠤᠭᠤᠯᠵᠤ ᠪᠡᠯᠡ ᠲᠤᠬᠢᠷᠠᠭᠤᠯᠬᠤ ᠤᠷᠴᠢᠨ ᠨᠦᠬᠦᠴᠡᠯ ᠢ ᠶᠡᠬᠡᠪᠡᠷ ᠰᠠᠶᠢᠵᠢᠷᠠᠭᠤᠯᠤᠨ᠂ ᠵᠠᠬ᠎ᠠ ᠳᠡᠯᠭᠡᠬᠦᠷ ᠤᠨ ᠭᠤᠤᠯ ᠴᠤᠭᠴᠠ ᠶᠢᠨ | ᠪᠡᠯᠡ ᠤᠷᠤᠭᠤᠯᠬᠤ ᠢᠲᠡᠭᠡᠯ ᠵᠤᠷᠢᠭ ᠢ ᠨᠡᠮᠡᠭᠳᠡᠭᠦᠯᠵᠤ᠂ ᠠᠷᠠᠳ ᠤᠨ ᠪᠡᠯᠡ ᠤᠷᠤᠭᠤᠯᠤᠯᠲᠠ ᠶᠢᠨ ᠳᠠᠯᠳᠠ ᠬᠦᠴᠦᠨ ᠢ ᠬᠦᠢᠴᠡᠳ ᠠᠭᠤᠲᠠᠯᠯᠠᠨᠠ᠃ ᠵᠠᠰᠠᠭ ᠤᠨ | ᠤᠷᠳᠤᠨ ᠤ ᠪᠡᠯᠡ ᠤᠷᠤᠭᠤᠯᠤᠯᠲᠠ ᠶᠢᠨ ᠬᠦᠰᠢᠭᠦᠷᠬᠡ ᠶᠢᠨ ᠦᠢᠯᠡᠳᠦᠯ ᠢ ᠪᠠᠳᠠᠷᠠᠭᠤᠯᠤᠨ᠂ ᠡᠬᠢ ᠪᠠᠶᠠᠯᠢᠭ᠂ ᠡᠳ᠋ ᠬᠦᠷᠦᠩᠭᠡ᠂ ᠬᠦᠷᠦᠩᠭᠡ ᠶᠢ ᠨᠢᠭᠡ | ᠴᠤᠭᠴᠠᠵᠢᠭᠤᠯᠤᠨ ᠠᠵᠢᠯᠯᠠᠭᠤᠯᠬᠤ ᠶᠢ ᠲᠦᠯᠬᠢᠨ ᠠᠬᠢᠭᠤᠯᠵᠤ᠂ ᠬᠦᠭᠵᠢᠭᠦᠯᠦᠯᠲᠡ ᠶᠢᠨ ᠰᠠᠭᠤᠷᠢ ᠮᠦᠡᠭᠭᠦ ᠪᠠᠶᠢᠭᠤᠯᠬᠤ᠂ ᠵᠢᠭᠡᠯᠡᠯᠭᠡ ᠶᠢᠨ ᠲᠡᠮᠳᠡᠭᠲᠤ ᠲᠠᠷᠬᠠᠭᠠᠬᠤ᠂ | ᠰᠲ᠋ᠤᠺ ᠤᠨ ᠡᠷᠬᠡ ᠶᠢ ᠬᠢᠮᠳᠡ ᠪᠠᠷ ᠬᠤᠳᠠᠯᠳᠤᠬᠤ ᠵᠡᠷᠭᠡ ᠪᠡᠯᠡ ᠲᠤᠬᠢᠷᠠᠭᠤᠯᠬᠤ ᠠᠷᠭ᠎ᠠ ᠮᠠᠶ᠋ᠢᠭ ᠢ ᠬᠠᠶᠢᠨ ᠰᠦᠪᠡᠭᠴᠢᠯᠡᠵᠤ᠂ ᠪᠠᠶᠢᠯᠳᠤᠬᠤ ᠪᠤᠳᠤᠯᠭ᠎ᠠ ᠶᠢᠨ ᠰᠢᠨ᠎ᠡ ᠶᠢ | ᠡᠭᠦᠳᠬᠦ ᠠᠵᠤ ᠦᠢᠯᠡᠰ ᠤᠨ ᠰᠠᠭᠤᠷᠢ ᠮᠦᠡᠭᠭᠦ ᠶᠢᠨ ᠠᠵᠢᠯᠯᠠᠭᠠᠨ ᠢ ᠠᠬᠢᠭᠤᠯᠤᠨ᠎ᠠ᠃ | ᠭᠤᠤᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠎ᠡ᠃ ᠪᠦᠬᠦ ᠲᠠᠯ᠎ᠠ ᠶᠢᠨ ᠴᠢᠨᠠᠷ᠂ ᠰᠠᠭᠤᠷᠢ ᠴᠢᠨᠠᠷ ᠪᠠ ᠪᠠᠶᠢᠯᠳᠤᠬᠤ | ᠪᠤᠳᠤᠯᠭ᠎ᠠ ᠶᠢᠨ ᠴᠢᠨᠠᠷ ᠪᠦᠬᠦᠢ ᠨᠦᠯᠦᠭᠡ ᠲᠠᠢ ᠨᠢᠭᠡ ᠪᠦᠯᠦᠭ ᠴᠢᠬᠤᠯᠡ ᠶᠡᠭᠡ ᠲᠦᠷᠦᠯ ᠵᠦᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠵᠤ᠂ ᠤᠮᠠᠷᠠᠲᠤ ᠤᠷᠤᠨ᠂ ᠵᠡᠭᠦᠨ | ᠬᠤᠶᠢᠲᠤ ᠤᠷᠤᠨ᠂ ᠳᠤᠮᠳᠠᠲᠤ ᠤᠷᠤᠨ ᠪᠤᠯᠤᠨ ᠲᠤᠷᠤᠨᠠᠲᠤ ᠤᠷᠤᠨ ᠲᠠᠰᠢ ᠬᠠᠨᠳᠤᠭᠤᠯᠤᠭᠰᠠᠨ ᠴᠡᠪᠡᠷ ᠡᠨᠧᠷᠬᠢ ᠭᠠᠷᠭᠠᠬᠤ ᠨᠡᠪᠲᠡᠷᠡᠯ ᠵᠠᠮ ᠬᠢᠭᠡᠳ ᠢᠵᠢ | ᠪᠦᠷᠢᠯᠳᠦᠬᠦᠯᠦᠭᠰᠡᠨ ᠴᠠᠬᠢᠯᠭᠠᠨ ᠡᠭᠦᠰᠬᠡᠭᠴᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠴᠠᠬᠢᠯᠭᠠᠨ ᠬᠦᠴᠦᠨ᠂ ᠲᠤᠰᠦ ᠬᠡᠢ ᠶᠢ | ᠭᠠᠳᠠᠭᠰᠢ ᠬᠦᠷᠭᠡᠬᠦ ᠨᠡᠪᠲᠡᠷᠡᠯ ᠵᠠᠮ ᠤᠨ ᠲᠦᠷᠦᠯ ᠵᠦᠢᠯ ᠤᠨ ᠵᠦᠪᠰᠢᠶᠡᠷᠡᠯ ᠢ ᠲᠦᠷᠭᠡᠬᠡᠨ ᠤᠯᠬᠤ ᠪᠠᠷ ᠴᠢᠷᠮᠠᠶᠢᠨ᠎ᠠ᠃ ᠳᠡᠭᠡᠲᠤ ᠬᠤᠷᠲᠤ ᠶᠢᠨ ᠵᠠᠰᠠᠮᠠᠯ ᠵᠠᠮ ᠤᠨ ᠲᠤᠤᠷ | ᠪᠠ ᠤᠯᠤᠰ ᠪᠤᠯᠤᠨ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠬᠤᠰᠢᠭᠤ ᠰᠢᠶᠠᠨ ᠳᠤ ᠨᠡᠪᠲᠡᠷᠡᠬᠦ ᠨᠢᠭᠡᠳᠤᠭᠡᠷ | ᠳᠡᠰ ᠤᠨ ᠵᠠᠰᠠᠮᠠᠯ ᠵᠠᠮ ᠪᠠ ᠭᠠᠴᠠᠭ᠎ᠠ ᠲᠤᠰᠬᠤᠨ ᠳᠤ ᠨᠡᠪᠲᠡᠷᠡᠬᠦ ᠪᠠᠷᠤᠭᠰᠢᠨ ᠱᠦᠢᠨᠢ ᠵᠠᠮ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ | ᠪᠡᠭᠡᠵᠢᠩ ᠠᠴᠠ ᠰᠢᠨᠵᠢᠶᠠᠩ ᠬᠦᠷᠬᠦ ᠳᠡᠭᠡᠲᠤ ᠬᠤᠷᠲᠤ ᠶᠢᠨ ᠵᠠᠰᠠᠮᠠᠯ ᠵᠠᠮ ᠤᠨ ᠯᠢᠩᠾᠧ ᠠᠴᠠ ᠦᠪᠦᠷ ᠮᠤᠩᠭᠤᠯ ᠭᠠᠨᠰᠤ ᠶᠢᠨ ᠵᠠᠭᠠᠭ ᠬᠦᠷᠬᠦ᠂ ᠷᠦᠡᠭ ᠴᠸᠡᠭ ᠠᠴᠠ | ᠦᠬᠠᠢ ᠬᠦᠷᠬᠦ ᠳᠡᠭᠡᠲᠤ ᠬᠤᠷᠲᠤ ᠶᠢᠨ ᠵᠠᠰᠠᠮᠠᠯ ᠵᠠᠮ ᠤᠨ ᠦᠵᠦᠬᠦᠷ ᠪᠠᠯᠭᠠᠰᠤ ᠠᠴᠠ ᠦᠬᠠᠢ ᠬᠦᠷᠬᠦ᠂ ᠳ᠋ᠠᠨᠳᠦ᠋ᠡᠭ ᠠᠴᠠ ᠰᠢᠯᠢᠩᠬᠤᠲᠠ ᠬᠦᠷᠬᠦ ᠳᠡᠭᠡᠲᠤ ᠬᠤᠷᠲᠤ ᠶᠢᠨ | ᠵᠠᠰᠠᠮᠠᠯ ᠵᠠᠮ ᠤᠨ ᠪᠢᠷᠠᠭᠤ ᠪᠠᠯᠭᠠᠰᠤ ᠠᠴᠠ ᠰᠢᠯᠢᠩᠬᠤᠲᠠ ᠬᠦᠷᠬᠦ ᠳᠡᠭᠡᠲᠤ ᠬᠤᠷᠳᠤ ᠶᠢᠨ ᠵᠠᠰᠠᠮᠠᠯ ᠵᠠᠮ ᠪᠤᠯᠤᠨ ᠤᠯᠠᠭᠠᠨᠬᠤᠲᠠ ᠠᠴᠠ ᠷᠠᠰᠢᠶᠠᠨ ᠬᠦᠷᠬᠦ ᠨᠢᠭᠡᠳᠤᠭᠡᠷ | ᠳᠡᠰ ᠤᠨ ᠵᠠᠰᠠᠮᠠᠯ ᠵᠠᠮ ᠤᠨ ᠦᠭᠡᠷᠡᠴᠢᠯᠡᠨ ᠪᠠᠶᠢᠭᠤᠯᠬᠤ ᠵᠡᠷᠭᠡ ᠲᠦᠷᠦᠯ ᠵᠦᠢᠯ ᠢ ᠰᠢᠨ᠎ᠡ ᠪᠠᠷ ᠠᠵᠢᠯ ᠡᠬᠢᠯᠡᠭᠦᠯᠵᠤ᠂ ᠳᠡᠭᠡᠲᠤ ᠬᠤᠷᠲᠤ ᠶᠢᠨ ᠵᠠᠰᠠᠮᠠᠯ ᠵᠠᠮ 1990 | ᠺᠢᠯᠤᠮᠧᠲᠷ᠂ ᠭᠠᠴᠠᠭ᠎ᠠ ᠲᠤᠰᠬᠤᠨ ᠳᠤ ᠨᠡᠪᠲᠡᠷᠡᠬᠦ ᠪᠠᠷᠤᠭᠰᠢᠨ ᠱᠦᠢᠨᠢ ᠵᠠᠮ ᠢ ᠰᠢᠨ᠎ᠡ ᠪᠠᠷ 700 ᠶᠢ ᠨᠡᠮᠡᠭᠳᠡᠭᠦᠯᠬᠦ ᠶᠢ ᠪᠠᠭᠲᠠᠭᠠᠭᠰᠠᠨ ᠵᠠᠰᠠᠮᠠᠯ ᠵᠠᠮ ᠤᠨ ᠬᠡᠪᠴᠢᠶ᠎ᠡ ᠶᠢ | 1.4 ᠲᠦᠮᠡᠨ ᠺᠢᠯᠤᠮᠧᠲᠷ ᠪᠦᠲᠦᠭᠡᠨ ᠪᠠᠶᠢᠭᠤᠯᠤᠨ᠎ᠠ᠃ ᠬᠦᠬᠡᠬᠤᠲᠠ ᠠᠴᠠ ᠴᠢᠭᠤᠯᠤᠯᠲᠤ ᠬᠠᠭᠠᠯᠭ᠎ᠠ ᠬᠦᠷᠬᠦ ᠠᠶᠠᠨᠴᠢᠳ ᠤᠨ ᠲᠡᠭᠡᠭᠡᠪᠦᠷᠢ ᠶᠢᠨ ᠲᠤᠰᠬᠠᠢ ᠱᠤᠭᠤᠮ ᠤᠨ | ᠲᠡᠮᠦᠷ ᠵᠠᠮ᠂ ᠬᠦᠬᠡᠬᠤᠲᠠ ᠠᠴᠠ ᠵᠡᠭᠦᠨᠭᠠᠷ ᠤᠷᠳᠤᠰ ᠬᠦᠷᠬᠦ ᠲᠦᠷᠭᠡᠨ ᠬᠤᠷᠳᠤ ᠶᠢᠨ ᠲᠡᠮᠦᠷ ᠵᠠᠮ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ᠂ ᠦᠪᠦᠷ ᠮᠤᠩᠭᠤᠯ ᠤᠨ ᠪᠠᠷᠠᠭᠤᠨ ᠬᠡᠰᠡᠭ ᠠᠴᠠ ᠳᠤᠮᠳᠠᠲᠤ ᠤᠷᠤᠨ ᠬᠦᠷᠬᠦ᠂ ᠡᠵᠡᠨ᠎ᠡ ᠠᠴᠠ ᠬᠠᠮᠢ ᠬᠦᠷᠬᠦ᠂ ᠪᠠᠶᠢᠴᠸᠡᠭ ᠠᠴᠠ ᠷᠠᠰᠢᠶᠠᠨ ᠬᠦᠷᠬᠦ ᠲᠡᠮᠦᠷ | ᠵᠠᠮ ᠤᠨ ᠴᠢᠳᠠᠪᠤᠷᠢ ᠶᠢ ᠦᠷᠭᠡᠳᠬᠡᠨ ᠦᠭᠡᠷᠡᠴᠢᠯᠡᠨ ᠪᠠᠶᠢᠭᠤᠯᠬᠤ ᠪᠠ ᠬᠠᠷᠪᠢᠨ ᠠᠴᠠ ᠮᠠᠨᠵᠤᠤᠷ ᠬᠦᠷᠬᠦ ᠲᠡᠮᠦᠷ ᠵᠠᠮ ᠤᠨ ᠴᠠᠬᠢᠯᠭᠠᠨᠵᠢᠭᠤᠯᠤᠨ ᠦᠭᠡᠷᠡᠴᠢᠯᠡᠬᠦ ᠵᠡᠷᠬᠡ | ᠲᠦᠷᠦᠯ ᠵᠦᠢᠯ ᠢ ᠰᠢᠨ᠎ᠡ ᠪᠠᠷ ᠪᠠᠷᠢᠯᠭ᠎ᠠ ᠡᠬᠢᠯᠡᠬᠦᠯᠵᠤ᠂ ᠲᠦᠡᠭᠯᠢᠶᠤᠤ᠂ ᠤᠯᠠᠭᠠᠨᠬᠠᠳᠠ ᠠᠴᠠ ᠪᠡᠭᠡᠵᠢᠩ ᠮᠦᠭᠳᠡᠨ ᠬᠦᠷᠬᠦ ᠠᠶᠠᠨᠴᠢᠳ ᠤᠨ ᠲᠡᠭᠡᠭᠡᠪᠦᠷᠢ ᠶᠢᠨ ᠲᠤᠰᠬᠠᠢ | ᠱᠤᠭᠤᠮ ᠤᠨ ᠲᠡᠮᠦᠷ ᠵᠠᠮ ᠤᠨ ᠬᠤᠯᠪᠤᠬᠤ ᠱᠤᠭᠤᠮ ᠤᠨ ᠡᠮᠦᠨᠡᠬᠦ ᠬᠤᠭᠤᠴᠠᠭᠠᠨ ᠤ ᠠᠵᠢᠯ ᠢ ᠲᠦᠯᠬᠢᠨ ᠠᠬᠢᠭᠤᠯᠵᠤ᠂ 1800 ᠺᠢᠯᠤᠮᠧᠲᠷ ᠤᠷᠲᠤ ᠲᠡᠮᠦᠷ ᠵᠠᠮ ᠢ | ᠰᠢᠨ᠎ᠡ ᠪᠠᠷ ᠪᠠᠷᠢᠯᠭ᠎ᠠ ᠡᠬᠢᠯᠡᠬᠦᠯᠦᠨ᠂ ᠲᠡᠭᠡᠭᠡᠪᠦᠷᠢ ᠡᠵᠡᠩᠨᠡᠬᠦ ᠤᠷᠲᠤ ᠶᠢ1100 ᠺᠢᠯᠤᠮᠧᠲᠷ ᠰᠢᠨ᠎ᠡ ᠪᠠᠷ ᠨᠡᠮᠡᠭᠳᠡᠬᠦᠯᠦᠨ᠎ᠡ᠃ ᠬᠦᠬᠡᠬᠤᠲᠠ ᠨᠢᠰᠬᠡᠯ ᠤᠨ ᠪᠠᠭᠤᠳᠠᠯ ᠤᠨ | ᠨᠡᠬᠦᠯᠬᠡᠵᠤ ᠪᠠᠶᠢᠭᠤᠯᠬᠤ ᠠᠵᠢᠯ ᠢ ᠲᠦᠷᠭᠡᠳᠬᠡᠨ᠂ ᠬᠤᠤᠯᠢᠨ ᠭᠤᠤᠯ᠂ ᠤᠯᠠᠭᠠᠨᠴᠠᠪ ᠤᠨ ᠨᠢᠰᠬᠡᠯ ᠤᠨ ᠪᠠᠭᠤᠳᠠᠯ ᠢ ᠪᠠᠶᠢᠭᠤᠯᠵᠤ ᠳᠠᠭᠤᠰᠬᠠᠨ᠂ ᠪᠤᠭᠤᠲᠤ᠂ | ᠤᠯᠠᠭᠠᠨᠬᠤᠲᠠ᠂ ᠤᠯᠠᠭᠠᠨᠬᠠᠳᠠ ᠶᠢᠨ ᠨᠢᠰᠬᠡᠯ ᠤᠨ ᠪᠠᠭᠤᠳᠠᠯ ᠤᠨ ᠦᠭᠡᠷᠡᠴᠢᠯᠡᠵᠤ ᠦᠷᠬᠡᠳᠬᠡᠨ ᠪᠠᠷᠢᠯᠭ᠎ᠠ ᠶᠢ ᠪᠡᠶᠡᠯᠡᠭᠦᠯᠵᠤ᠂ ᠤᠯᠤᠰ ᠤᠨ ᠳᠡᠰ ᠤᠨ ᠠᠵᠢᠯ ᠡᠬᠦᠷᠬᠡ | ᠬᠦᠢᠴᠡᠳᠬᠡᠬᠦ ᠨᠡᠶᠢᠳᠡᠮ ᠬᠡᠷᠡᠭᠯᠡᠭᠡᠨ ᠤ ᠠᠭᠠᠷ ᠤᠨ ᠲᠡᠭᠡᠭᠡᠪᠦᠷᠢ ᠶᠢᠨ ᠲᠤᠷᠰᠢᠯᠲᠠ ᠶᠢᠨ ᠠᠵᠢᠯ ᠢ ᠲᠦᠯᠬᠢᠨ ᠠᠬᠢᠭᠤᠯᠵᠤ᠂ ᠨᠡᠶᠢᠳᠡᠮ ᠬᠡᠷᠡᠭᠯᠡᠬᠡᠨ ᠤ ᠨᠢᠰᠬᠡᠯ ᠤᠨ | ᠪᠠᠭᠤᠳᠠᠯ ᠢ ᠪᠠᠶᠢᠭᠤᠯᠵᠤ ᠳᠠᠭᠤᠰᠬᠠᠬᠤ ᠪᠠᠷ ᠴᠢᠷᠮᠠᠶᠢᠨ᠎ᠠ᠃ ᠦᠨᠳᠡᠭᠡᠨ᠂ ︽ᠴᠤᠤᠯ ᠭᠤᠤᠯ ᠤᠨ ᠤᠰᠤ ᠶᠢ ᠲᠠᠲᠠᠵᠤ ᠯᠢᠶᠤᠤ ᠡᠾᠧ ᠭᠤᠤᠯ ᠳᠤ ᠨᠡᠮᠡᠷᠢᠯᠡᠬᠦ︾᠂ | ᠬᠠᠲᠤᠨ ᠭᠤᠤᠯ ᠤᠨ ᠦᠶᠡᠷ ᠰᠡᠷᠭᠡᠶᠢᠯᠡᠬᠦ ᠪᠠᠷᠢᠯᠭ᠎ᠠ ᠶᠢᠨ ᠬᠤᠶᠠᠳᠤᠭᠠᠷ ᠬᠤᠭᠤᠴᠠᠭ᠎ᠠ ᠵᠡᠷᠭᠡ ᠭᠤᠤᠯᠳᠠᠯᠭ᠎ᠠ ᠲᠠᠢ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠤᠯᠢᠶᠠᠰᠤᠲᠠᠢ ᠨᠠᠭᠤᠷ ᠪᠤᠯᠤᠨ ᠬᠦᠯᠦᠨ ᠨᠠᠭᠤᠷ ᠤᠨ ᠤᠰᠤᠨ ᠤ ᠤᠷᠴᠢᠨ ᠲᠤᠭᠤᠷᠢᠨ ᠢ ᠵᠠᠰᠠᠬᠤ ᠶᠠᠪᠤᠳᠠᠯ ᠢ ᠰᠠᠶᠢᠲᠤᠷ | ᠠᠳᠬᠤᠨ᠂ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠪᠠᠲᠤᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ᠬᠡᠷᠡᠭᠯᠡᠭᠡᠨ ᠪᠠ ᠭᠠᠳᠠᠭᠠᠲᠤ ᠬᠡᠷᠡᠭᠴᠡᠭᠡ ᠶᠢ ᠬᠦᠴᠦᠯᠡᠨ ᠦᠷᠭᠡᠳᠬᠡᠨ᠎ᠡ᠃ ᠬᠡᠷᠡᠭᠯᠡᠬᠡᠨ ᠤ ᠰᠠᠭᠤᠷᠢ ᠦᠢᠯᠡᠳᠦᠯ ᠢ ᠬᠦᠢᠴᠡᠳ ᠪᠠᠳᠠᠷᠠᠭᠤᠯᠤᠨ᠂ ᠬᠡᠷᠡᠭᠯᠡᠬᠡᠨ ᠢ | ᠵᠤᠷᠢᠭᠵᠢᠭᠤᠯᠬᠤ ᠡᠳ᠋ ᠤᠨ ᠵᠠᠰᠠᠭ ᠭᠠᠶᠢᠯᠢ᠂ ᠢᠲᠡᠭᠡᠮᠵᠢᠲᠤ ᠵᠢᠭᠡᠯᠡᠯᠭᠡ ᠪᠠ ᠢᠲᠡᠭᠡᠮᠵᠢᠲᠤ ᠬᠡᠷᠡᠭᠯᠡᠭᠡᠨ ᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠮᠡᠳᠡᠭᠡ | ᠵᠠᠩᠬᠢ᠂ ᠰᠤᠶᠤᠯ ᠵᠢᠭᠤᠯᠴᠢᠯᠠᠯ᠂ ᠨᠠᠰᠤᠵᠢᠯ ᠡᠷᠡᠭᠦᠯ ᠮᠡᠨᠲᠤ᠂ ᠬᠡᠷ ᠤᠨ ᠠᠳᠡᠯ ᠠᠬᠤᠢ ᠶᠢᠨ ᠦᠢᠯᠡᠴᠢᠯᠡᠭᠡᠨ ᠵᠡᠷᠭᠡ ᠬᠡᠷᠡᠭᠯᠡᠭᠡᠨ ᠤ ᠬᠠᠯᠠᠮᠰᠢᠯ ᠴᠢᠭ᠋ ᠢ ᠪᠤᠶᠢᠵᠢᠭᠤᠯᠵᠤ᠂ | ᠰᠢᠨ᠎ᠡ ᠮᠠᠶ᠋ᠢᠭ ᠤᠨ ᠬᠡᠷᠡᠭᠯᠡᠭᠡᠨ ᠤ ᠲᠦᠯᠦᠪ ᠪᠠᠶᠢᠳᠠᠯ ᠢ ᠬᠦᠭᠵᠢᠭᠦᠯᠦᠨ᠂ ᠬᠡᠷᠡᠭᠯᠡᠬᠡᠨ ᠤ ᠤᠷᠤᠨ ᠵᠠᠢ ᠶᠢ ᠲᠠᠰᠤᠷᠠᠯᠲᠠ ᠦᠭᠡᠢ ᠦᠷᠭᠡᠵᠢᠭᠦᠯᠦᠨ᠎ᠡ᠃ ᠤᠳᠤ ᠦᠶ᠎ᠡ ᠶᠢᠨ | ᠬᠦᠢᠯᠬᠡᠬᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠭᠡᠨ᠂ ᠬᠦᠢᠯᠭᠡᠭᠡᠨ ᠤ ᠭᠤᠤᠯ ᠴᠤᠭᠴᠠ ᠶᠢ ᠪᠤᠶᠢᠵᠢᠭᠤᠯᠤᠨ᠂ ᠬᠦᠢᠯᠬᠡᠬᠡᠨ ᠤ ᠠᠵᠤ ᠦᠢᠯᠡᠰ ᠢ | ᠪᠤᠵᠠᠭᠠᠶᠢᠷᠠᠭᠤᠯᠵᠤ᠂ ︽ᠲᠦᠮᠡᠨ ᠲᠤᠰᠬᠤᠨ ᠮᠢᠩᠭᠠᠨ ᠰᠢᠶᠠᠩ ᠤᠨ ᠵᠠᠬ᠎ᠠ ᠳᠡᠯᠭᠡᠭᠦᠷ︾ ᠤᠨ ᠢᠨᠵᠧᠨᠧᠷᠢᠩ ᠢ ᠬᠦᠨᠵᠡᠬᠡᠢ ᠬᠡᠷᠡᠭᠵᠢᠭᠦᠯᠵᠤ᠂ ᠬᠦᠳᠡᠭᠡ ᠠᠶᠢᠯ ᠤᠨ | ᠳᠡᠯᠭᠡᠭᠦᠷ ᠢ ᠪᠦᠲᠦᠭᠡᠨ ᠪᠠᠶᠢᠭᠤᠯᠬᠤ ᠪᠠ ᠦᠭᠡᠷᠡᠴᠢᠯᠡᠨ ᠪᠠᠶᠢᠭᠤᠯᠤᠨ᠎ᠠ᠃ ᠵᠠᠬ᠎ᠠ ᠳᠡᠯᠭᠡᠭᠦᠷ ᠤᠨ ᠡᠮᠬᠢ ᠲᠢᠭᠯᠢᠮ ᠢ ᠶᠡᠬᠡᠪᠡᠷ ᠴᠡᠭᠴᠡᠯᠡᠨ ᠵᠢᠷᠤᠮᠵᠢᠭᠤᠯᠵᠤ᠂ ᠪᠠᠷᠠᠭ᠎ᠠ ᠶᠢᠨ | ᠦᠨ᠎ᠡ ᠬᠠᠨᠭ᠍ᠰᠢ ᠶᠢ ᠲᠤᠭᠲᠠᠭᠤᠨ ᠢᠶᠠᠷ ᠬᠢᠵᠠᠭᠠᠷᠯᠠᠬᠤ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠦᠢᠯᠡᠳᠭᠦᠨ ᠤ ᠶᠠᠰᠤ | ᠴᠢᠨᠠᠷ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠂ ᠬᠤᠳᠠᠯᠳᠤᠭᠠᠨ ᠤ ᠮᠡᠬᠡᠯᠡᠨ ᠬᠢᠬᠠᠬᠤ᠂ ᠬᠤᠳᠠᠯ ᠬᠠᠭᠤᠷᠮᠠᠭ ᠴᠢᠨᠠᠷ | ᠮᠠᠭᠤ ᠦᠢᠯᠡᠳᠭᠦᠨ ᠦᠢᠯᠡᠳᠴᠤ ᠪᠤᠷᠤᠯᠠᠭᠤᠯᠬᠤ ᠦᠢᠯᠡ ᠠᠵᠢᠯᠯᠠᠭ᠎ᠠ ᠳᠤ ᠴᠢᠩᠭ᠎ᠠ ᠴᠤᠬᠢᠯᠲᠠ ᠦᠭᠴᠤ᠂ ᠬᠡᠷᠡᠭᠯᠡᠭᠡᠨ ᠤ ᠰᠠᠶᠢᠨ ᠰᠠᠶᠢᠬᠠᠨ ᠤᠷᠴᠢᠨ ᠠᠬᠤᠢ ᠶᠢ | ᠪᠠᠶᠢᠭᠤᠯᠤᠨ᠎ᠠ᠃ ᠭᠠᠳᠠᠭᠠᠲᠤ ᠬᠡᠷᠡᠭᠴᠡᠭᠡ ᠶᠢ ᠢᠳᠡᠪᠬᠢᠲᠠᠢ ᠪᠠᠷ ᠦᠷᠭᠡᠵᠢᠭᠦᠯᠦᠨ᠂ ᠭᠠᠳᠠᠭᠠᠲᠤ ᠳᠤ ᠭᠠᠷᠭᠠᠬᠤ ᠭᠠᠳᠠᠭᠠᠲᠤ ᠠᠴᠠ ᠤᠷᠤᠭᠤᠯᠬᠤ ᠪᠦᠲᠦᠴᠡ ᠶᠢ | ᠰᠢᠯᠢᠳᠡᠭᠵᠢᠭᠦᠯᠵᠤ᠂ ᠳᠠᠪᠠᠭᠤᠯᠢᠭ ᠦᠢᠯᠡᠳᠭᠦᠨ ᠤ ᠭᠠᠳᠠᠭᠠᠲᠤ ᠳᠤ ᠭᠠᠷᠭᠠᠬᠤ ᠶᠢ ᠦᠷᠭᠡᠳᠭᠡᠨ᠂ ᠡᠨᠧᠷᠬᠢ᠂ ᠲᠦᠬᠦᠬᠡᠢ ᠮᠠᠲ᠋ᠧᠷᠢᠶᠠᠯ ᠵᠢᠴᠢ ᠲᠡᠷᠢᠭᠦᠨ ᠤ ᠮᠡᠷᠭᠡᠵᠢᠯ ᠪᠠ | ᠲᠦᠭᠦᠬᠡᠷᠤᠮᠵᠢ ᠶᠢ ᠭᠠᠳᠠᠭᠠᠲᠤ ᠠᠴᠠ ᠤᠷᠤᠭᠤᠯᠬᠤ ᠶᠢ ᠨᠡᠮᠡᠭᠳᠡᠭᠦᠯᠦᠨ᠎ᠡ᠃ ︽ᠭᠠᠳᠠᠭᠰᠢ ᠭᠠᠷᠬᠤ︾ ᠠᠯᠬᠤᠴᠠ ᠶᠢ ᠲᠦᠷᠭᠡᠳᠬᠡᠨ᠂ ᠬᠢᠯᠢ ᠶᠢᠨ ᠭᠠᠳᠠᠨ᠎ᠠ ᠪᠡᠯᠡ | ᠤᠷᠤᠭᠤᠯᠬᠤ ᠶᠢ ᠵᠤᠷᠢᠭᠵᠢᠭᠤᠯᠵᠤ᠂ ᠲᠤᠮᠦ ᠠᠵᠤ ᠠᠬᠤᠶᠢᠯᠠᠯ ᠤᠨ ᠤᠯᠠᠨ ᠤᠯᠤᠰ ᠲᠠᠬᠢ ᠦᠷᠢᠰᠦᠯᠳᠦᠬᠦ ᠴᠢᠳᠠᠯ ᠢ ᠳᠡᠭᠡᠭᠰᠢᠯᠡᠭᠦᠯᠦᠨ᠂ ᠳᠤᠮᠳᠠ ᠪᠠᠭ᠎ᠠ ᠠᠵᠤ | ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠳ ᠤᠨ ᠤᠯᠠᠨ ᠵᠦᠢᠯ ᠤᠨ ᠬᠡᠯᠪᠡᠷᠢ ᠮᠠᠶ᠋ᠢᠭ ᠢᠶᠠᠷ ᠭᠠᠳᠠᠭᠠᠲᠤ ᠳᠤ ᠪᠡᠯᠡ ᠤᠷᠤᠭᠤᠯᠵᠤ ᠬᠤᠷᠰᠢᠯᠴᠠᠬᠤ | ᠠᠵᠢᠯ ᠦᠷᠨᠢᠭᠦᠯᠬᠦ ᠶᠢ ᠬᠦᠲᠦᠯᠦᠨ ᠵᠢᠯᠤᠭᠤᠳᠴᠤ᠂ ᠬᠢᠯᠢ ᠶᠢᠨ ᠭᠠᠳᠠᠨ᠎ᠠ ᠡᠬᠢ ᠪᠠᠶᠠᠯᠢᠭ ᠤᠨ ᠨᠡᠭᠡᠭᠡᠯᠲᠡ ᠬᠢᠬᠦ᠂ ᠲᠠᠷᠢᠶᠠᠯᠠᠩ ᠮᠠᠯ ᠠᠵᠤ ᠠᠬᠤᠢ ᠶᠢᠨ ᠲᠠᠯ᠎ᠠ ᠪᠠᠷ | ᠬᠤᠷᠰᠢᠯᠴᠠᠬᠤ ᠵᠡᠷᠬᠡ ᠲᠦᠷᠦᠯ ᠵᠦᠢᠯ ᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠃ | ︵ᠬᠤᠶᠠᠷ︶ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦ ᠶᠢ ᠲᠦᠯᠬᠢᠨ ᠠᠬᠢᠭᠤᠯᠵᠤ᠂ ᠬᠦᠭᠵᠢᠯᠲᠡ ᠶᠢᠨ ᠠᠷᠭ᠎ᠠ ᠮᠠᠶ᠋ᠢᠭ ᠢᠶᠠᠨ | ᠬᠤᠪᠢᠷᠠᠭᠤᠯᠬᠤ ᠶᠢ ᠠᠬᠢᠭᠤᠯᠤᠨ᠎ᠠ | ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦ ᠠᠯᠬᠤᠴᠠ ᠶᠢ ᠲᠦᠷᠭᠡᠳᠬᠡᠨ᠎ᠡ᠃ ︽ᠲᠠᠪᠤᠨ ᠶᠡᠭᠡ ᠰᠠᠭᠤᠷᠢᠨ ᠭᠠᠵᠠᠷ︾ ᠤᠨ ᠪᠦᠲᠦᠭᠡᠨ | ᠪᠠᠶᠢᠭᠤᠯᠤᠯᠲᠠ ᠶᠢᠨ ᠲᠤᠭᠤᠷᠢᠨ ᠳᠤ᠂ ᠬᠡᠮᠵᠢᠶ᠎ᠡ ᠶᠢ ᠨᠡᠮᠡᠭᠳᠡᠭᠦᠯᠬᠦ ᠶᠡᠪᠤᠳᠠᠯ ᠢᠶᠠᠷ ᠪᠦᠲᠦᠴᠡ ᠶᠢᠨ ᠲᠤᠬᠢᠷᠠᠭᠤᠯᠤᠯᠲᠠ ᠶᠢ ᠳᠠᠶᠢᠴᠢᠯᠠᠨ᠂ ᠰᠢᠨ᠎ᠡ ᠶᠢ ᠡᠭᠦᠳᠬᠦ | ᠶᠠᠪᠤᠳᠠᠯ ᠢᠶᠠᠷ ᠠᠵᠤ ᠦᠢᠯᠡᠰ ᠤᠨ ᠲᠡᠰ ᠲᠡᠪᠰᠢᠬᠦ ᠶᠢ ᠠᠬᠢᠭᠤᠯᠵᠤ᠂ ᠠᠵᠤ ᠠᠬᠤᠢ ᠶᠢᠨ ᠬᠦᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠬᠦᠴᠦᠯᠡᠨ | ᠳᠡᠭᠡᠭᠰᠢᠯᠡᠭᠦᠯᠦᠨ᠎ᠡ᠃ ᠤᠯᠤᠰ ᠠᠴᠠ ᠠᠭᠠᠷ ᠮᠠᠨᠳᠠᠯ ᠤᠨ ᠪᠤᠬᠢᠷᠳᠤᠯ ᠢ ᠵᠠᠰᠠᠬᠤ᠂ ᠦᠢᠯᠡᠳᠪᠦᠷᠢᠯᠡᠬᠦ ᠴᠢᠳᠠᠪᠤᠷᠢ ᠬᠡᠲᠤ ᠢᠯᠡᠭᠦᠳᠡᠵᠤ ᠪᠠᠶᠢᠭ᠎ᠠ ᠶᠢ ᠠᠷᠢᠯᠭᠠᠬᠤ ᠠᠵᠠ | ᠲᠤᠬᠢᠶᠠᠯ ᠢ ᠵᠠᠪᠳᠤᠨ᠂ ᠡᠨᠧᠷᠬᠢ᠂ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠤᠨ ᠴᠢᠬᠤᠯᠠ ᠶᠡᠭᠡ ᠲᠦᠷᠦᠯ ᠵᠦᠢᠯ ᠤᠨ ᠪᠠᠷᠢᠯᠭ᠎ᠠ ᠡᠬᠢᠯᠡᠭᠦᠯᠵᠤ | ᠪᠦᠲᠦᠭᠡᠨ ᠪᠠᠶᠢᠭᠤᠯᠬᠤ ᠶᠢ ᠲᠤᠪᠤᠶᠢᠮ᠎ᠠ ᠰᠠᠶᠢᠲᠤᠷ ᠠᠳᠬᠤᠵᠤ᠂ ᠠᠵᠤ ᠦᠢᠯᠡᠰ ᠤᠨ ᠰᠢᠯᠵᠢᠯᠲᠡ ᠶᠢ ᠬᠡᠪᠴᠢᠶᠡᠵᠢᠭᠦᠯᠦᠨ᠂ ᠬᠡᠯᠬᠢᠶᠡᠵᠢᠭᠦᠯᠤᠨ᠂ ᠪᠦᠯᠦᠭᠯᠡᠯᠵᠢᠭᠦᠯᠦᠨ | ᠵᠠᠯᠭᠠᠨ ᠠᠪᠴᠤ᠂ ᠨᠡᠭᠦᠷᠡᠰᠦ ᠪᠠᠷ ᠲᠤᠰᠤ ᠬᠢᠬᠦ 450 ᠲᠦᠮᠡᠨ ᠳᠤᠨ᠂ ᠨᠡᠭᠦᠷᠠᠰᠦ ᠪᠠᠷ ᠠᠯᠺᠸᠠ ᠬᠢᠬᠦ 220 ᠲᠦᠮᠡᠨ ᠳᠤᠨ᠂ ᠨᠡᠭᠦᠷᠠᠰᠤ ᠶᠢ ᠬᠡᠢ ᠪᠤᠯᠭᠠᠬᠤ 200 | ᠳ᠋ᠦᠡᠭᠰᠢᠭᠤᠷ ᠪᠤᠰᠤᠭ᠎ᠠ ᠲᠦᠷᠪᠡᠯᠵᠢᠨ ᠮᠧᠲᠷ᠂ ᠴᠠᠬᠢᠯᠭᠠᠨ ᠬᠦᠴᠦᠨ ᠤ ᠮᠠᠰᠢᠨ ᠴᠤᠭᠴᠠᠯᠠᠪᠤᠷᠢ ᠶᠢᠨ 600 ᠲᠦᠮᠡᠨ ᠺᠢᠯᠤᠸ᠋ᠲ ᠤᠨ ᠬᠢ ᠶᠢ ᠰᠢᠨ᠎ᠡ ᠪᠠᠷ ᠪᠠᠷᠢᠯᠭ᠎ᠠ | ᠡᠬᠢᠯᠡᠬᠦᠯᠬᠦ ᠪᠠᠷ ᠴᠢᠷᠮᠠᠶᠢᠵᠤ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠢᠭ᠋ ᠢ ᠪᠤᠶᠢᠵᠢᠭᠤᠯᠤᠨ᠎ᠠ᠃ ᠤᠯᠠᠮᠵᠢᠯᠠᠯᠲᠤ ᠲᠠᠪᠠᠭᠤᠯᠢᠭ ᠤᠨᠴᠠᠯᠢᠭ ᠪᠦᠬᠦᠢ ᠠᠵᠤ ᠦᠢᠯᠡᠰ ᠢ | ᠦᠭᠡᠷᠡᠴᠢᠯᠡᠵᠤ ᠲᠡᠰ ᠲᠡᠪᠰᠢᠬᠦᠯᠬᠦ ᠶᠢ ᠲᠦᠷᠭᠡᠳᠬᠡᠨ᠂ ᠠᠵᠤ ᠦᠢᠯᠡᠰ ᠢ ᠡᠮᠬᠢᠯᠡᠨ ᠨᠡᠶᠢᠯᠡᠭᠦᠯᠵᠤ ᠲᠠᠬᠢᠨ ᠵᠤᠬᠢᠶᠠᠨ ᠪᠠᠶᠢᠭᠤᠯᠬᠤ ᠶᠢ ᠲᠦᠯᠬᠢᠨ ᠠᠬᠢᠭᠤᠯᠵᠤ᠂ | ᠨᠡᠭᠦᠷᠡᠰᠦᠨ ᠤ ᠭᠠᠷᠭᠠᠯᠲᠠ ᠶᠢ ᠲᠤᠭᠲᠠᠭᠤᠨ ᠪᠠᠶᠢᠯᠭᠠᠵᠤ᠂ ᠨᠡᠭᠦᠷᠠᠰᠤ ᠶᠢ ᠬᠡᠤᠳᠠᠰᠦᠵᠢᠬᠦᠯᠬᠦ᠂ ᠡᠾᠯᠤᠷᠲᠤ ᠱᠦᠯᠲᠤ ᠶᠢᠨ ᠬᠢᠮᠢ ᠶᠢᠨ ᠠᠵᠤ ᠦᠢᠯᠡᠳᠪᠦᠷᠢ᠂ ᠹᠯᠤᠷ ᠤᠨ | ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠦᠢᠯᠡᠰ ᠤᠨ ᠳᠡᠰ ᠲᠠᠪᠬᠤᠷᠭ᠎ᠠ ᠶᠢ ᠲᠦᠷᠭᠡᠳᠬᠡᠨ ᠳᠡᠭᠡᠭᠰᠢᠯᠡᠬᠦᠯᠵᠤ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ | ᠦᠢᠯᠡᠳᠬᠦᠨ ᠤ ᠬᠤᠪᠢ ᠶᠢᠨ ᠵᠢᠩ ᠢ ᠳᠡᠭᠡᠭᠰᠢᠯᠡᠭᠦᠯᠦᠨ᠂ ᠠᠵᠤ ᠦᠢᠯᠡᠰ ᠤᠨ ᠬᠦᠭᠵᠢᠯᠲᠡ ᠶᠢᠨ ᠰᠢᠨ᠎ᠡ ᠳᠠᠪᠠᠭᠤᠯᠢᠭ ᠢ ᠪᠦᠲᠦᠭᠡᠨ᠎ᠡ᠃ ᠨᠡᠭᠦᠷᠡᠰᠦ ᠴᠠᠬᠢᠯᠭᠠᠨ | ᠲᠡᠮᠦᠷᠯᠢᠭ᠂ ᠬᠠᠶᠢᠬᠤ ᠮᠠᠯᠲᠠᠬᠤ ᠰᠢᠯᠢᠬᠦ ᠪᠤᠯᠪᠠᠰᠤᠷᠠᠭᠤᠯᠬᠤ ᠶᠢ ᠨᠢᠭᠡ ᠴᠤᠭᠴᠠᠵᠢᠭᠤᠯᠤᠨ ᠬᠦᠭᠵᠢᠭᠦᠯᠬᠦ ᠶᠢ ᠲᠦᠯᠬᠢᠨ ᠠᠬᠢᠭᠤᠯᠵᠤ᠂ ᠦᠡᠭᠭᠡᠲᠤ ᠲᠡᠮᠦᠷᠯᠢᠭ ᠤᠨ ᠠᠵᠤ | ᠦᠢᠯᠡᠰ ᠤᠨ ᠤᠷᠲᠤᠳᠬᠠᠨ ᠡᠳ᠋ᠰᠢᠬᠦᠯᠬᠦ ᠨᠤᠷᠮ᠎ᠠ ᠶᠢ 30% ᠠᠴᠠ ᠳᠡᠭᠡᠭᠰᠢ ᠳᠤ ᠬᠦᠷᠦᠭᠦᠯᠦᠨ᠂ ᠸᠠᠭᠠᠷ ᠱᠠᠭᠠᠵᠠᠩ᠂ ᠭᠡᠷᠡᠯ ᠸᠤᠯᠲᠲᠤ ᠰᠢᠯ ᠵᠡᠷᠭᠡ ᠨᠠᠷᠢᠯᠢᠭ | ᠬᠦᠨᠵᠡᠬᠡᠢ ᠡᠳ᠋ᠰᠢᠭᠦᠯᠦᠭᠰᠡᠨ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠭᠦᠨ ᠢ ᠲᠦᠷᠭᠡᠳᠬᠡᠨ ᠬᠦᠭᠵᠢᠭᠦᠯᠦᠨ᠎ᠡ᠃ ᠡᠬᠢ ᠪᠠᠶᠠᠯᠢᠭ ᠤᠨ ᠪᠤᠰᠤ ᠬᠡᠯᠪᠡᠷᠢ ᠶᠢᠨ ᠠᠵᠤ ᠦᠢᠯᠡᠰ | ᠪᠤᠯᠤᠨ ᠪᠠᠶᠢᠯᠲᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠪᠤᠢ ᠪᠤᠯᠤᠭᠰᠠᠨ ᠠᠵᠤ ᠦᠢᠯᠡᠰ ᠢ ᠶᠡᠬᠡᠪᠡᠷ ᠬᠦᠭᠵᠢᠭᠦᠯᠦᠨ᠂ ᠡᠬᠦᠯᠡᠨ ᠪᠤᠳᠤᠯᠲᠠ ᠶᠢᠨ ᠲᠤᠭ᠎ᠠ | ᠪᠠᠷᠢᠮᠲᠠ ᠶᠢᠨ ᠲᠦᠪ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠡᠬᠦᠯᠡᠨ ᠪᠤᠳᠤᠯᠲᠠ ᠶᠢᠨ ᠬᠡᠷᠡᠭᠯᠡᠯᠲᠡ ᠶᠢᠨ ᠦᠢᠯᠡᠴᠢᠯᠡᠬᠡᠨ ᠪᠠ ᠬᠠᠲᠠᠭᠤ | ᠬᠡᠷᠡᠭᠰᠡᠯ ᠤᠨ ᠲᠦᠭᠦᠭᠡᠷᠤᠮᠵᠢ ᠦᠢᠯᠡᠳᠬᠦ ᠶᠢ ᠢᠳᠡᠪᠬᠢᠲᠠᠢ ᠪᠠᠷ ᠬᠦᠭᠵᠢᠭᠦᠯᠦᠨ᠂ ᠴᠢ ᠷᠦᠢ ᠲᠡᠮᠳᠡᠭᠲᠤ ᠮᠠᠰᠢᠨ ᠲᠡᠷᠭᠡ᠂ ᠤᠮᠠᠷᠠᠲᠤ ᠶᠢᠨ ᠪᠧᠨ ᠤᠤᠢ ᠲᠡᠮᠳᠡᠭᠲᠤ | ᠬᠦᠨᠲᠤ ᠠᠴᠢᠶᠠᠨ ᠤ ᠮᠠᠰᠢᠨ ᠲᠡᠷᠭᠡ ᠵᠡᠷᠭᠡ ᠲᠤᠨᠤᠭ ᠲᠦᠬᠦᠭᠡᠷᠦᠮᠵᠢ ᠦᠢᠯᠡᠳᠬᠦ ᠦᠢᠯᠡᠰ ᠤᠨ ᠭᠤᠤᠯᠳᠠᠯᠭ᠎ᠠ ᠲᠠᠢ ᠲᠦᠷᠦᠯ ᠵᠦᠢᠯ ᠢ ᠰᠠᠶᠢᠲᠤᠷ ᠠᠳᠬᠤᠨ᠎ᠠ᠂ ᠰᠢᠨ᠎ᠡ | ᠡᠨᠧᠷᠬᠢ᠂ ᠬᠤᠪᠤᠷ ᠰᠢᠷᠤᠢ ᠶᠢᠨ ᠰᠢᠨ᠎ᠡ ᠮᠠᠲ᠋ᠧᠷᠢᠶᠠᠯ᠂ ᠠᠮᠢᠲᠤ ᠪᠤᠳᠠᠰ ᠤᠨ ᠡᠮ ᠬᠢᠬᠦ᠂ ᠡᠯᠧᠺᠲᠷᠤᠨ ᠮᠡᠳᠡᠭᠡ ᠵᠠᠩᠬᠢ᠂ ᠡᠨᠧᠷᠬᠢ ᠠᠷᠪᠢᠯᠠᠵᠤ ᠤᠷᠴᠢᠨ ᠲᠤᠭᠤᠷᠢᠨ ᠢ | ᠬᠠᠮᠠᠭᠠᠯᠠᠬᠤ ᠵᠡᠷᠭᠡ ᠠᠵᠤ ᠦᠢᠯᠡᠰ ᠢ ᠲᠦᠷᠭᠡᠳᠭᠡᠨ ᠬᠦᠭᠵᠢᠭᠦᠯᠵᠤ᠂ ᠶᠡᠷᠤᠩᠬᠡᠢ ᠬᠡᠮᠵᠢᠶ᠎ᠡ ᠪᠠ ᠬᠡᠪᠴᠢᠶ᠎ᠡ ᠶᠢ ᠨᠢ ᠪᠤᠵᠠᠭᠠᠶᠢᠷᠠᠭᠤᠯᠤᠨ᠂ ᠰᠢᠨ᠎ᠡ ᠲᠤᠯᠭᠠᠭᠤᠷᠢ ᠠᠵᠤ | ᠦᠢᠯᠡᠰ ᠢ ᠪᠤᠢ ᠪᠤᠯᠭᠠᠨ᠎ᠠ᠃ | ᠤᠳᠤ ᠦᠶ᠎ᠡ ᠶᠢᠨ ᠦᠢᠯᠡᠴᠢᠯᠡᠭᠡᠨ ᠤ ᠠᠵᠤ ᠦᠢᠯᠡᠰ ᠢ ᠶᠡᠬᠡᠪᠡᠷ ᠬᠦᠭᠵᠢᠭᠦᠯᠦᠨ᠎ᠡ᠃ ᠦᠢᠯᠡᠳᠪᠦᠷᠢᠯᠡᠯ ᠤᠨ ᠴᠢᠨᠠᠷᠲᠠᠢ ᠪᠠ ᠠᠮᠢᠳᠤᠷᠠᠯ ᠤᠨ ᠴᠢᠨᠠᠷᠲᠠᠢ | ᠦᠢᠯᠡᠴᠢᠯᠡᠭᠡᠨ ᠢ ᠵᠡᠷᠭᠡ ᠳᠤᠨᠢ ᠴᠢᠬᠤᠯᠠᠴᠢᠯᠠᠬᠤ᠂ ᠤᠯᠠᠮᠵᠢᠯᠠᠯᠲᠤ ᠪᠠ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠵᠡᠷᠭᠡ ᠳᠤᠨᠢ ᠡᠷᠬᠢᠮᠯᠡᠬᠦ ᠶᠢ ᠪᠠᠷᠢᠮᠲᠠᠯᠠᠨ᠂ | ᠦᠢᠯᠡᠴᠢᠯᠡᠭᠡᠨ ᠤ ᠦᠢᠯᠡᠰ ᠤᠨ ᠬᠦᠭᠵᠢᠯᠲᠡ ᠶᠢᠨ ᠬᠤᠷᠳᠤᠴᠠ ᠪᠠᠨ ᠲᠦᠷᠭᠡᠳᠭᠡᠬᠦ᠂ ᠬᠤᠪᠢ ᠶᠢᠨ ᠵᠢᠩ ᠢᠶᠠᠨ ᠳᠡᠭᠡᠭᠰᠢᠯᠡᠭᠦᠯᠬᠦ᠂ ᠬᠢᠷᠢ ᠬᠡᠮᠵᠢᠶ᠎ᠡ ᠶᠢ ᠳᠡᠭᠡᠭᠰᠢᠯᠡᠬᠦᠯᠬᠦ ᠶᠢ | ᠲᠦᠯᠬᠢᠨ ᠠᠬᠢᠭᠤᠯᠤᠨ᠎ᠠ᠃ ᠨᠢᠭᠡ ᠪᠦᠯᠦᠭ ᠴᠢᠬᠤᠯᠠ ᠶᠡᠭᠡ ᠲᠦᠷᠦᠯ ᠵᠦᠢᠯ ᠢ ᠲᠦᠪᠯᠡᠷᠡᠭᠦᠯᠦᠨ ᠪᠦᠲᠦᠭᠡᠨ ᠪᠠᠶᠢᠭᠤᠯᠵᠤ᠂ ᠤᠨᠴᠠᠯᠢᠭ ᠢᠶᠠᠷ ᠢᠯᠡ ᠲᠤᠳᠤ᠂ ᠬᠡᠪᠴᠢᠶ᠎ᠡ | ᠪᠠᠷ ᠨᠡᠯᠢᠶᠡᠳ ᠶᠡᠭᠡ᠂ ᠨᠦᠯᠦᠭᠡᠯᠡᠨ ᠲᠠᠶᠢᠴᠢᠯᠠᠬᠤ ᠬᠦᠴᠦᠨ ᠢᠶᠠᠷ ᠴᠢᠩᠭ᠎ᠠ ᠪᠦᠬᠦᠢ ᠦᠢᠯᠡᠴᠢᠯᠡᠭᠡᠨ ᠤ ᠦᠢᠯᠡᠰ ᠴᠤᠭᠯᠠᠷᠠᠭᠰᠠᠨ ᠤᠷᠤᠨ ᠢ 30—50 ᠶᠢ | ᠪᠠᠶᠢᠭᠤᠯᠤᠨ᠎ᠠ᠃ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠬᠦᠭᠵᠢᠯᠲᠠ ᠶᠢᠨ ᠲᠦᠯᠦᠪᠵᠢᠭᠦᠯᠬᠡ ᠪᠠ ᠲᠦᠷᠦ ᠶᠢᠨ ᠪᠤᠳᠤᠯᠭ᠎ᠠ ᠶᠢ ᠲᠤᠭᠲᠠᠭᠠᠨ᠂ ︽ᠦᠷᠭᠡᠨ | ᠪᠦᠰᠡᠲᠤ ᠦᠪᠦᠷ ᠮᠤᠩᠭᠤᠯ︾ ᠢᠨᠵᠧᠨᠧᠷᠢᠩ ᠢ ᠬᠦᠨᠵᠡᠭᠡᠢ ᠬᠡᠷᠡᠭᠵᠢᠭᠦᠯᠵᠤ᠂ ᠡᠯᠧᠺᠲᠷᠤᠨ ᠬᠤᠳᠠᠯᠳᠤᠭᠠᠨ ᠤ ᠶᠠᠪᠤᠳᠠᠯ ᠢ ᠶᠡᠬᠡᠪᠡᠷ ᠬᠦᠭᠵᠢᠭᠦᠯᠦᠨ᠎ᠡ᠃ ᠠᠷᠠᠯᠵᠢᠶᠠᠯᠠᠬᠤ᠂ | ᠳᠡᠯᠭᠡᠨ ᠦᠵᠡᠭᠦᠯᠬᠦ᠂ ᠬᠦᠮᠦᠷᠭᠡᠯᠡᠨ ᠬᠠᠳᠠᠭᠠᠯᠠᠬᠤ᠂ ᠡᠳ᠋ᠰᠢᠭᠦᠯᠬᠦ᠂ ᠲᠤᠬᠢᠷᠠᠭᠤᠯᠤᠨ ᠬᠦᠷᠭᠡᠬᠦ ᠶᠢ ᠨᠢᠭᠡ ᠴᠤᠭᠴᠠᠵᠢᠭᠤᠯᠤᠭᠰᠠᠨ ᠨᠢᠭᠡ ᠪᠦᠯᠦᠭ ᠶᠡᠷᠦᠩᠭᠡᠶᠢᠯᠡᠭᠰᠡᠨ | ᠪᠠᠷᠠᠭ᠎ᠠ ᠶᠢᠨ ᠬᠦᠢᠯᠭᠡᠭᠡᠨ ᠤ ᠬᠦᠷᠢᠶᠡᠯᠡᠩ ᠲᠤᠭᠤᠷᠢᠭ ᠢ ᠪᠦᠲᠦᠭᠡᠨ ᠪᠠᠶᠢᠭᠤᠯᠵᠤ᠂ ᠬᠤᠳᠠᠯᠳᠤᠭ᠎ᠠ ᠠᠷᠠᠯᠵᠢᠶ᠎ᠠ ᠶᠢᠨ ᠬᠦᠢᠯᠬᠡᠬᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ | ᠲᠦᠯᠬᠢᠨ ᠠᠬᠢᠭᠤᠯᠤᠨ᠎ᠠ᠃ ᠬᠦᠬᠡᠬᠤᠲᠠ ᠵᠡᠷᠭᠡ ᠲᠦᠪ ᠬᠤᠲᠠ ᠪᠠ ᠮᠠᠨᠵᠤᠤᠷ᠂ ᠡᠷᠢᠶᠡᠨ ᠬᠤᠲᠠ ᠵᠡᠷᠭᠡ ᠪᠤᠭᠤᠮᠲᠠ ᠬᠤᠲᠠ ᠪᠡ ᠭᠤᠤᠯᠳᠠᠯᠭ᠎ᠠ ᠪᠤᠯᠭᠠᠨ᠂ ︽ᠡᠬᠡ | ᠬᠠᠭᠤᠷᠠᠢ ᠶᠢᠨ ᠭᠠᠷᠠᠮ ᠤᠨ ᠠᠵᠤ ᠠᠬᠤᠢ︾ ᠶᠢ ᠢᠳᠡᠪᠬᠢᠲᠠᠢ ᠪᠠᠷ ᠬᠦᠭᠵᠢᠭᠦᠯᠦᠨ᠎ᠡ᠃ ᠤᠷᠤᠨ ᠨᠤᠲᠤᠭ ᠤᠨ ᠮᠦᠡᠭᠭᠦᠨ ᠬᠦᠢᠯᠭᠡᠭᠡᠨ ᠤ ᠪᠠᠶᠢᠭᠤᠯᠤᠮᠵᠢ ᠨᠤᠭᠤᠳ ᠤᠨ | ᠪᠡᠯᠡ ᠬᠦᠷᠦᠩᠭᠡ ᠪᠠᠨ ᠨᠡᠮᠡᠭᠳᠡᠭᠦᠯᠵᠤ ᠰᠲ᠋ᠤᠺ ᠢᠶᠠᠨ ᠦᠷᠭᠡᠳᠬᠡᠬᠦ ᠳᠤ ᠡᠯ᠎ᠡ ᠲᠦᠷᠦᠯ ᠤᠨ ᠬᠦᠷᠦᠩᠭᠡ ᠶᠢᠨ ᠤᠷᠤᠯᠴᠠᠬᠤ ᠶᠢ ᠵᠤᠷᠢᠭᠵᠢᠭᠤᠯᠤᠨ᠂ ᠠᠷᠠᠳ ᠠᠴᠠ | ᠡᠵᠡᠩᠨᠡᠭᠰᠡᠨ ᠪᠠᠩᠬᠢ ᠶᠢ ᠡᠬᠦᠰᠬᠡᠨ ᠪᠠᠶᠢᠭᠤᠯᠵᠤ᠂ ᠲᠤᠰᠬᠤᠨ ᠪᠠᠯᠭᠠᠰᠤ ᠶᠢᠨ ᠪᠠᠩᠬᠢ᠂ ᠪᠡᠯᠡ ᠮᠦᠡᠭᠭᠦ ᠶᠢᠨ ᠲᠠᠯ᠎ᠠ ᠪᠠᠷ ᠬᠠᠪᠰᠤᠷᠤᠯᠴᠠᠬᠤ ᠬᠤᠷᠰᠢᠶ᠎ᠡ ᠵᠡᠷᠭᠡ ᠰᠢᠨ᠎ᠡ | ᠬᠡᠯᠪᠡᠷᠢ ᠶᠢᠨ ᠮᠦᠡᠭᠭᠦᠨ ᠬᠦᠢᠯᠭᠡᠭᠡᠨ ᠤ ᠪᠠᠶᠢᠭᠤᠯᠤᠮᠵᠢ ᠶᠢ ᠲᠦᠷᠭᠡᠳᠭᠡᠨ ᠵᠤᠬᠢᠶᠠᠨ ᠪᠠᠶᠢᠭᠤᠯᠵᠤ᠂ ᠢᠲᠡᠭᠡᠮᠵᠢᠲᠤ ᠵᠢᠭᠡᠯᠡᠯᠭᠡ ᠶᠢᠨ ᠪᠦᠲᠦᠴᠡ ᠶᠢ ᠰᠢᠯᠢᠳᠡᠭᠵᠢᠭᠦᠯᠦᠨ᠂ | ᠤᠯᠠᠨ ᠲᠡᠰ ᠲᠠᠪᠬᠤᠷᠭ᠎ᠠ ᠪᠦᠬᠦᠢ ᠬᠦᠷᠦᠩᠭᠡ ᠶᠢᠨ ᠵᠠᠬ᠎ᠠ ᠳᠡᠯᠭᠡᠭᠦᠷ ᠢ ᠲᠦᠡᠭᠡᠳᠬᠡᠨ ᠬᠦᠭᠵᠢᠭᠦᠯᠵᠤ᠂ ᠰᠢᠭᠤᠳ ᠪᠡᠯᠡ ᠲᠤᠬᠢᠷᠠᠭᠤᠯᠬᠤ ᠬᠤᠪᠢ ᠶᠢᠨ ᠵᠢᠩ ᠢ | ᠳᠡᠭᠡᠭᠰᠢᠯᠡᠭᠦᠯᠦᠨ᠎ᠡ᠃ ᠵᠢᠭᠤᠯᠴᠢᠯᠠᠯ ᠤᠨ ᠦᠢᠯᠡᠰ ᠤᠨ ᠬᠦᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠵᠢᠭᠤᠯᠴᠢᠯᠠᠯ ᠤᠨ ᠠᠵᠤ ᠠᠬᠤᠶᠢᠯᠠᠯ ᠢ ᠪᠤᠶᠢᠵᠢᠭᠤᠯᠤᠨ | ᠪᠤᠵᠠᠭᠠᠶᠢᠷᠠᠭᠤᠯᠵᠤ᠂ ᠵᠢᠭᠤᠯᠴᠢᠯᠠᠯ ᠤᠨ ᠪᠦᠲᠦᠭᠡᠭᠳᠡᠭᠦᠨ ᠤ ᠰᠢᠰᠲ᠋ᠧᠮᠵᠢ ᠶᠢ ᠳᠡᠭᠦᠯᠳᠡᠷᠵᠢᠭᠦᠯᠦᠨ᠂ ᠵᠢᠭᠤᠯᠴᠢᠯᠠᠯ ᠤᠨ ᠰᠤᠶᠤᠯ ᠤᠨ ᠠᠭᠤᠯᠤᠭᠳᠠᠬᠤᠨ ᠢ ᠨᠡᠮᠡᠭᠳᠡᠭᠦᠯᠦᠨ᠎ᠡ | ᠃ ᠵᠢᠭᠤᠯᠴᠢᠯᠠᠵᠤ ᠲᠤᠭᠤᠷᠢᠨ ᠦᠵᠡᠬᠦ᠂ ᠰᠡᠯᠡᠭᠦᠴᠡᠵᠤ ᠠᠮᠠᠷᠠᠨ ᠵᠤᠭᠠᠴᠠᠬᠤ ᠶᠢ ᠳᠤᠪᠤᠶᠢᠯᠭᠠᠨ᠂ ᠬᠢᠯᠢ ᠶᠢᠨ ᠵᠢᠭᠤᠯᠴᠢᠯᠠᠯ ᠢ ᠲᠦᠷᠭᠡᠳᠬᠡᠨ ᠬᠦᠭᠵᠢᠭᠦᠯᠵᠤ᠂ ᠬᠢᠯᠢ | ᠠᠯᠤᠰᠯᠠᠨ ᠵᠢᠭᠤᠯᠴᠢᠯᠠᠬᠤ ᠬᠤᠷᠰᠢᠯᠴᠠᠭᠠᠨ ᠤ ᠤᠷᠤᠨ ᠢ ᠰᠦᠪᠡᠭᠴᠢᠯᠡᠨ ᠪᠠᠶᠢᠭᠤᠯᠵᠤ᠂ ᠤᠯᠤᠰ ᠤᠨ ᠲᠤᠲᠤᠭᠠᠲᠤ ᠶᠢᠨ ᠵᠢᠭᠤᠯᠴᠢᠯᠠᠯ ᠤᠨ ᠤᠷᠤᠨ ᠪᠦᠰᠡ ᠶᠢᠨ | ᠬᠠᠮᠵᠢᠯᠴᠠᠭ᠎ᠠ ᠶᠢ ᠴᠢᠩᠭᠠᠳᠬᠠᠨ᠎ᠠ᠃ | ᠨᠠᠶᠢᠲᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠬᠦᠭᠵᠢᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠨᠡᠶᠢᠲᠡ ᠶᠢᠨ ᠦᠮᠴᠢᠯᠡᠯ ᠤᠨ ᠪᠤᠰᠤ ᠠᠵᠤ | ᠠᠬᠤᠢ ᠶᠢᠨ ᠬᠦᠭᠵᠢᠯᠲᠡ ᠳᠤ ᠠᠷᠠᠳ ᠤᠨ ᠪᠡᠯᠡ ᠤᠷᠤᠭᠤᠯᠵᠤ ᠳᠡᠮᠵᠢᠬᠦ ᠶᠢ ᠵᠤᠷᠢᠭᠵᠢᠭᠤᠯᠬᠤ ᠲᠦᠷᠦᠯ ᠤᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ᠵᠠᠬ᠎ᠠ ᠳᠡᠯᠭᠡᠬᠦᠷ ᠲᠤ ᠵᠦᠪᠰᠢᠶᠡᠷᠡᠨ ᠤᠷᠤᠭᠤᠯᠬᠤ ᠨᠢᠭᠡᠲᠤᠯᠲᠠᠢ ᠳᠦᠷᠢᠮ ᠢ ᠬᠡᠷᠡᠭᠵᠢᠭᠦᠯᠤᠨ᠂ ᠤᠯᠤᠰ ᠤᠨ ᠨᠠᠵᠠᠭᠠᠢ ᠲᠠᠯ᠎ᠠ ᠶᠢᠨ ᠨᠠᠷᠢᠨ | ᠳᠠᠩᠰᠠ ᠠᠴᠠ ᠭᠠᠳᠠᠨᠠᠬᠢ ᠬᠦᠷᠢᠶᠡᠨ ᠳᠤ ᠡᠯ᠎ᠡ ᠲᠦᠷᠦ ᠶᠢᠨ ᠵᠠᠬ᠎ᠠ ᠳᠡᠯᠭᠡᠬᠦᠷ ᠤᠨ ᠭᠤᠤᠯ ᠴᠤᠭᠴᠠ ᠶᠢᠨ ᠬᠠᠤᠯᠢ ᠶᠤᠰᠤᠭᠠᠷ ᠡᠷᠬᠡ ᠲᠡᠭᠰᠢ ᠪᠠᠷ ᠤᠷᠤᠬᠤ ᠶᠢ ᠦᠨᠡᠨᠬᠦ | ᠪᠠᠲᠤᠯᠠᠨ᠎ᠠ᠃ ᠰᠠᠭᠤᠷᠢ ᠠᠵᠤ ᠦᠢᠯᠡᠰ᠂ ᠰᠠᠭᠤᠷᠢ ᠪᠡᠯᠡᠳᠭᠡᠮᠵᠢ᠂ ᠨᠡᠶᠢᠭᠡᠮ ᠤᠨ ᠦᠢᠯᠡᠰ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠪᠤᠢ ᠪᠤᠯᠤᠭᠰᠠᠨ | ᠠᠵᠤ ᠦᠢᠯᠡᠰ ᠵᠡᠷᠭᠡ ᠬᠦᠷᠢᠶᠡᠨ ᠳᠤ ᠠᠷᠠᠳ ᠤᠨ ᠬᠦᠷᠦᠩᠭᠡ ᠶᠢᠨ ᠤᠷᠤᠬᠤ ᠶᠢ ᠳᠡᠮᠵᠢᠵᠤ᠂ ᠳᠤᠮᠳᠠ ᠪᠠᠭ᠎ᠠ ᠠᠵᠤ ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠢ ᠬᠦᠲᠦᠯᠦᠨ ᠵᠢᠯᠤᠭᠤᠳᠴᠤ ᠪᠠᠶᠢᠭᠠᠳ ᠲᠦᠬᠦᠷ ᠬᠠᠮᠵᠢᠯᠴᠠᠭ᠎ᠠ ᠶᠢ ᠰᠠᠶᠢᠲᠤᠷ ᠬᠢᠯᠬᠡᠨ᠎ᠡ᠃ ᠤᠨᠴᠠ ᠵᠦᠪᠰᠢᠶᠡᠷᠡᠭᠰᠡᠨ ᠡᠵᠡᠩᠨᠡᠯᠲᠡ ᠶᠢᠨ ᠬᠦᠷᠢᠶᠡᠨ ᠳᠤ | ᠨᠡᠶᠢᠲᠡ ᠶᠢᠨ ᠦᠮᠴᠢᠯᠡᠯ ᠤᠨ ᠪᠤᠰᠤ ᠠᠵᠤ ᠠᠬᠤᠶᠢᠯᠠᠯ ᠤᠨ ᠤᠷᠤᠬᠤ ᠪᠤᠲᠠᠲᠠᠢ ᠠᠷᠭ᠎ᠠ ᠶᠢ ᠲᠤᠭᠲᠠᠭᠠᠬᠤ᠂ ᠪᠠᠭ᠎ᠠ ᠵᠢᠵᠢᠭ ᠠᠵᠤ ᠠᠬᠤᠶᠢᠯᠠᠯ ᠤᠨ ᠵᠢᠭᠡᠯᠡᠯᠭᠡ ᠶᠢᠨ | ᠲᠦᠭᠰᠢᠭᠦᠷᠢ ᠶᠢᠨ ᠨᠦᠬᠦᠪᠦᠷᠢ ᠮᠦᠡᠭᠭᠦ ᠪᠠᠶᠢᠭᠤᠯᠬᠤ᠂ ᠢᠲᠡᠭᠡᠮᠵᠢ ᠶᠢᠨ ᠳᠠᠭᠠᠭᠠᠯᠲᠠ ᠬᠢᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠬᠦ ᠵᠡᠷᠭᠡ ᠠᠷᠭ᠎ᠠ ᠬᠡᠮᠵᠢᠶ᠎ᠡ ᠪᠠᠷ | ᠳᠠᠮᠵᠢᠭᠤᠯᠤᠨ᠂ ᠨᠡᠶᠢᠲᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ︽ᠵᠦᠪᠰᠢᠶᠡᠷᠡᠯ ᠢᠶᠠᠷ ᠤᠷᠤᠬᠤ ᠳᠤ ᠬᠦᠴᠢᠷ ᠪᠠᠶᠢᠬᠤ᠂ ᠪᠡᠯᠡ ᠲᠤᠬᠢᠷᠠᠭᠤᠯᠬᠤ ᠳᠤ ᠬᠦᠴᠢᠷ | ᠪᠠᠶᠢᠬᠤ᠂ ᠪᠡᠯᠡ ᠲᠤᠬᠢᠷᠠᠭᠤᠯᠬᠤ ᠳᠤ ᠦᠨᠡᠲᠠᠢ ᠪᠠᠶᠢᠬᠤ︾ ᠵᠡᠷᠭᠡ ᠳᠤᠪᠤᠶᠢᠮ᠎ᠠ ᠠᠰᠠᠭᠤᠳᠠᠯ ᠤᠳ ᠢ ᠲᠠᠶᠢᠯᠵᠤ᠂ ᠨᠡᠶᠢᠲᠡ ᠶᠢᠨ ᠦᠮᠴᠢᠯᠡᠯ ᠤᠨ ᠪᠤᠰᠤ ᠠᠵᠤ | ᠠᠬᠤᠢ ᠶᠢᠨ ᠬᠦᠭᠵᠢᠯᠲᠡ ᠶᠢᠨ ᠠᠮᠢᠵᠢᠷᠠᠯ ᠤᠨ ᠬᠦᠴᠦᠨ ᠪᠠ ᠳᠠᠯᠲᠠ ᠴᠢᠳᠠᠪᠤᠷᠢ ᠶᠢ ᠬᠦᠢᠴᠡᠳ ᠭᠠᠷᠭᠠᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠦᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠢᠨᠵᠢᠯᠡᠬᠦ ᠤᠬᠠᠭᠠᠨ ᠰᠤᠷᠭᠠᠨ | ᠬᠦᠮᠦᠵᠢᠯ ᠢᠶᠠᠷ ᠤᠷᠤᠨ ᠢᠶᠠᠨ ᠬᠦᠭᠵᠢᠭᠦᠯᠬᠦ ᠪᠠᠶᠢᠯᠲᠤᠬᠤ ᠪᠤᠳᠤᠯᠭ᠎ᠠ ᠶᠢ ᠶᠡᠬᠡᠪᠡᠷ ᠬᠡᠷᠭᠵᠢᠭᠦᠯᠵᠤ᠂ ᠰᠢᠨ᠎ᠡ ᠶᠢ ᠡᠭᠦᠳᠬᠦ ᠪᠠᠷ ᠬᠦᠳᠡᠯᠭᠡᠬᠦᠷ ᠪᠤᠯᠭᠠᠭᠰᠠᠨ | ᠬᠦᠭᠵᠢᠯᠲᠡ ᠶᠢᠨ ᠡᠨᠡᠬᠦ ᠵᠠᠩᠬᠢᠯᠠᠭ᠎ᠠ ᠶᠢ ᠠᠳᠬᠤᠵᠤ᠂ ᠰᠢᠨ᠎ᠡ ᠮᠠᠶ᠋ᠢᠭ ᠤᠨ ᠨᠡᠭᠦᠷᠡᠰᠦᠨ ᠤ ᠬᠢᠮᠢ ᠶᠢᠨ ᠠᠵᠤ ᠦᠢᠯᠡᠳᠪᠦᠷᠢ᠂ ᠲᠤᠨᠤᠭ ᠲᠦᠭᠦᠬᠡᠷᠦᠮᠵᠢ ᠦᠢᠯᠡᠳᠭᠦ᠂ | ᠰᠢᠨ᠎ᠡ ᠡᠨᠧᠷᠬᠢ ᠰᠢᠨ᠎ᠡ ᠮᠠᠲ᠋ᠧᠷᠢᠶᠠᠯ ᠵᠡᠷᠭᠡ ᠭᠤᠤᠯᠳᠠᠯᠭ᠎ᠠ ᠲᠠᠢ ᠠᠵᠤ ᠦᠢᠯᠡᠰ ᠤᠨ ᠬᠦᠷᠢᠶᠡᠨ ᠤ ᠵᠠᠩᠬᠢᠯᠠᠭ᠎ᠠ ᠶᠢᠨ ᠨᠡᠶᠢᠲᠡᠯᠢᠭ ᠴᠢᠨᠠᠷ ᠪᠦᠬᠦᠢ ᠮᠡᠷᠭᠡᠵᠢᠯ ᠤᠨ ᠪᠤᠭᠤᠮᠲᠠ | ᠰᠢᠪᠲᠤᠯᠬᠤ ᠶᠢ ᠴᠢᠩᠭᠠᠳᠬᠠᠨ᠂ ᠨᠡᠩ ᠤᠯᠠᠨ ᠬᠦᠷᠢᠶᠡᠨ ᠳᠤ ᠤᠨᠤᠯ ᠬᠢᠭᠡᠳ ᠮᠡᠷᠭᠡᠵᠢᠯ ᠤᠨ ᠰᠢᠪᠲᠤᠯᠤᠯᠲᠠ ᠶᠢ ᠴᠢᠷᠮᠠᠶᠢᠨ ᠪᠡᠶᠡᠯᠡᠭᠦᠯᠦᠨ᠎ᠡ᠃ ᠮᠡᠷᠭᠡᠵᠢᠯ ᠤᠨ | ᠰᠢᠨ᠎ᠡ ᠶᠢ ᠡᠭᠦᠳᠬᠦ ᠳᠠᠬᠢ ᠠᠵᠤ ᠠᠬᠤᠶᠢᠯᠠᠯ ᠤᠨ ᠭᠤᠤᠯ ᠴᠤᠭᠴᠠ ᠪᠤᠯᠬᠤ ᠪᠠᠶᠢᠷᠢ ᠰᠠᠭᠤᠷᠢ ᠶᠢ ᠲᠠᠰᠤᠷᠠᠯᠲᠠ ᠦᠭᠡᠢ ᠴᠢᠩᠭᠠᠷᠠᠭᠤᠯᠵᠤ᠂ ᠠᠵᠤ ᠠᠬᠤᠶᠢᠯᠠᠯ ᠢᠶᠠᠷ | ᠭᠤᠤᠯ ᠴᠤᠭᠴᠠ ᠪᠤᠯᠭᠠᠭᠰᠠᠨ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠤᠯᠭᠠᠭᠰᠠᠨ᠂ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠨᠢᠭᠲᠠ | ᠤᠶᠠᠯᠳᠤᠭᠤᠯᠤᠭᠰᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ | ᠦᠭᠡᠷᠡᠴᠢᠯᠡᠯᠲᠡ ᠶᠢ ᠬᠦᠨᠵᠡᠭᠡᠶᠢᠷᠡᠭᠦᠯᠵᠤ᠂ ᠮᠡᠷᠭᠡᠵᠢᠯ ᠤᠨ ᠰᠢᠨ᠎ᠡ ᠶᠢ ᠡᠭᠦᠳᠬᠦ ᠵᠠᠬ᠎ᠠ ᠳᠡᠯᠭᠡᠬᠦᠷ ᠤᠨ ᠤᠳᠤᠷᠢᠳᠤᠮᠵᠢ ᠶᠢᠨ ᠲᠤᠭᠲᠠᠴᠠ ᠶᠢ ᠪᠦᠷᠢᠨᠰᠢᠭᠦᠯᠦᠨ᠂ ᠠᠵᠤ | ᠠᠬᠤᠶᠢᠯᠠᠯ ᠢᠶᠠᠷ ᠭᠤᠤᠯ ᠴᠤᠭᠴᠠ ᠪᠤᠯᠭᠠᠭᠰᠠᠨ᠂ ᠨᠡᠶᠢᠭᠡᠮ ᠤᠨ ᠬᠦᠴᠦᠨ ᠦᠷᠭᠡᠨ ᠢᠶᠠᠷ ᠤᠷᠤᠯᠴᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠤᠯᠠᠨ ᠡᠰᠢᠵᠢᠭᠰᠡᠨ | ᠤᠷᠤᠭᠤᠯᠤᠯᠲᠠ ᠶᠢᠨ ᠰᠢᠰᠲ᠋ᠧᠮᠵᠢ ᠶᠢ ᠪᠠᠶᠢᠭᠤᠯᠤᠨ᠎ᠠ᠃ ︽ᠴᠢᠳᠠᠪᠤᠷᠢᠲᠠᠨ ᠢᠶᠠᠷ ᠤᠷᠤᠨ ᠢᠶᠠᠨ ᠬᠦᠴᠦᠷᠬᠡᠭᠵᠢᠭᠦᠯᠬᠦ︾ᠢᠨᠵᠧᠨᠧᠷᠢᠩ ᠢ ᠬᠦᠨᠵᠡᠭᠡᠢ ᠬᠡᠷᠡᠭᠵᠢᠭᠦᠯᠵᠤ᠂ | ᠴᠢᠳᠠᠪᠤᠷᠢᠲᠠᠨ ᠬᠦᠮᠦᠵᠢᠭᠦᠯᠬᠦ ᠪᠠ ᠤᠷᠤᠭᠤᠯᠵᠤ ᠢᠷᠡᠬᠦ ᠪᠠᠶᠢᠭᠤᠯᠤᠯ ᠲᠤᠭᠲᠠᠴᠠ ᠶᠢᠨ ᠦᠭᠡᠷᠡᠴᠢᠯᠡᠯᠲᠡ ᠶᠢ ᠲᠦᠷᠭᠡᠳᠬᠡᠨ᠂ ᠮᠡᠳᠡᠯᠭᠡ ᠶᠢᠨ ᠦᠷ᠎ᠡ ᠪᠦᠲᠦᠭᠡᠯ ᠤᠨ | ᠦᠮᠴᠢᠯᠡᠬᠦ ᠡᠷᠭᠡ ᠶᠢ ᠬᠠᠮᠠᠭᠠᠯᠠᠬᠤ ᠪᠠ ᠬᠡᠷᠡᠭᠯᠡᠬᠦ ᠪᠠᠷ ᠭᠤᠤᠯ ᠪᠤᠯᠭᠠᠭᠰᠠᠨ ᠰᠢᠨ᠎ᠡ ᠶᠢ ᠡᠬᠦᠳᠬᠦ ᠶᠢ ᠤᠷᠠᠮᠰᠢᠭᠤᠯᠬᠤ ᠲᠦᠷᠦ ᠶᠢᠨ ᠪᠤᠳᠤᠯᠭ᠎ᠠ ᠶᠢ ᠲᠤᠭᠲᠠᠭᠠᠨ | ᠬᠡᠷᠡᠭᠵᠢᠭᠦᠯᠵᠤ᠂ ᠰᠢᠨ᠎ᠡ ᠶᠢ ᠡᠭᠦᠳᠬᠦ ᠡᠯ᠎ᠡ ᠲᠦᠷᠦᠯ ᠤᠨ ᠴᠢᠬᠤᠯᠠ ᠬᠦᠴᠦᠨ ᠵᠦᠢᠯ ᠪᠤᠯᠤᠨ ᠴᠢᠳᠠᠪᠤᠷᠢᠲᠠᠨ ᠤ ᠠᠮᠢᠵᠢᠷᠠᠯ ᠤᠨ ᠬᠦᠴᠦᠨ ᠦᠷᠢᠰᠦᠯᠳᠤᠨ ᠪᠠᠳᠠᠷᠠᠭᠰᠠᠨ | ᠠᠮᠢᠳᠤ ᠴᠤᠪᠤᠭᠤᠯᠢᠭ ᠪᠠᠶᠢᠳᠠᠯ ᠢ ᠪᠤᠢ ᠪᠤᠯᠭᠠᠨ᠎ᠠ᠃ | ︵ᠭᠤᠷᠪᠠ︶ ᠲᠠᠷᠢᠶᠡᠯᠠᠩ ᠮᠠᠯ ᠠᠵᠤ ᠠᠬᠤᠢ ᠲᠠᠷᠢᠶᠠᠯᠠᠬᠤ ᠮᠡᠯᠵᠢᠬᠤ ᠤᠷᠤᠨ ᠲᠠᠷᠢᠶᠠᠴᠢᠨ ᠮᠠᠯᠴᠢᠳ ᠤᠨ ᠠᠵᠢᠯ ᠢ ᠴᠢᠩᠭᠠᠳᠬᠠᠨ᠂ ᠲᠠᠷᠢᠶᠠᠯᠠᠩ ᠮᠠᠯ ᠠᠵᠤ | ᠠᠬᠤᠢ ᠶᠢᠨ ᠬᠦᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠦᠨ᠎ᠡ᠃ | ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠲᠦᠷᠭᠡᠳᠬᠡᠨ ᠬᠦᠭᠵᠢᠭᠦᠯᠦᠨ᠎ᠡ᠃ ᠠᠮᠦ ᠪᠤᠳᠠᠭᠠᠨ ᠤ ᠦᠢᠯᠡᠳᠪᠦᠷᠢᠯᠡᠯ ᠢ ᠦᠴᠦᠭᠡᠨ ᠴᠤ ᠰᠤᠯᠠᠷᠠᠭᠤᠯᠤᠯ | ᠦᠭᠡᠢ ᠰᠠᠶᠢᠲᠤᠷ ᠠᠳᠬᠤᠵᠤ᠂ ᠲᠠᠷᠢᠮᠠᠯ ᠤᠨ ᠶᠡᠷᠤᠩᠬᠡᠢ ᠲᠠᠷᠢᠬᠤ ᠲᠠᠯᠠᠪᠠᠢ ᠪᠠ ᠠᠮᠤ ᠪᠤᠳᠠᠭᠠᠨ ᠤ ᠲᠠᠷᠢᠮᠠᠯ ᠤᠨ ᠲᠠᠷᠢᠬᠤ ᠲᠠᠯᠠᠪᠠᠢ ᠶᠢ ᠲᠤᠰ ᠲᠤᠰ 1 ᠳ᠋ᠦᠡᠭᠰᠢᠭᠤᠷ | ᠮᠤ᠋ ᠪᠠ 8000 ᠲᠦᠮᠡᠨ ᠮᠤ᠋ ᠠᠴᠠ ᠳᠡᠭᠡᠭᠰᠢ ᠳᠤ ᠲᠤᠭᠲᠠᠭᠤᠨ ᠪᠠᠶᠢᠯᠭᠠᠬᠤ ᠶᠢ ᠦᠨᠡᠨᠬᠦ ᠪᠠᠲᠤᠯᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ | ᠮᠡᠷᠭᠡᠵᠢᠯ ᠳᠡᠯᠭᠡᠷᠡᠭᠦᠯᠬᠦ ᠡᠷᠴᠢᠮ ᠢ ᠨᠡᠮᠡᠭᠳᠡᠭᠦᠯᠦᠨ᠂ ᠲᠡᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠬᠤ ᠬᠢᠷᠢ ᠬᠡᠮᠵᠢᠶ᠎ᠡ ᠶᠢ ᠳᠡᠬᠡᠭᠰᠢᠯᠡᠬᠦᠯᠵᠤ᠂ ᠡᠷᠳᠡᠨᠢ ᠰᠢᠰᠢ᠂ | ᠪᠤᠭᠤᠳᠠᠢ᠂ ᠲᠦᠮᠦᠰᠤ᠂ ᠴᠠᠷᠭᠠᠰᠤ ᠵᠡᠷᠭᠡ ᠶᠢᠨ ᠰᠠᠶᠢᠨ ᠦᠷ᠎ᠡ ᠪᠤᠶᠢᠵᠢᠭᠤᠯᠬᠤ᠂ ᠡᠭᠦᠯᠳᠡᠷ ᠪᠤᠶᠢᠵᠢᠭᠤᠯᠬᠤ ᠰᠠᠭᠤᠷᠢᠨ ᠭᠠᠵᠠᠷ ᠪᠠ ᠡᠮᠦᠨ᠎ᠡ ᠬᠡᠰᠡᠭ ᠲᠤ ᠦᠷᠡᠵᠢᠭᠦᠯᠵᠤ | ᠡᠭᠦᠯᠳᠡᠷ ᠪᠤᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠵᠠᠭᠤᠨ ᠳ᠋ᠦᠡᠭᠰᠢᠭᠤᠷ ᠵᠢᠩ ᠠᠮᠦ ᠪᠤᠳᠠᠭᠠᠨ ᠤ ᠬᠤᠷᠢᠶᠠᠯᠲᠠ | ᠨᠡᠮᠡᠭᠳᠡᠭᠦᠯᠬᠦ ᠢᠨᠵᠧᠨᠧᠷᠢᠩ᠂ ︽ᠳᠦᠷᠪᠡᠨ ᠤᠷᠤᠨ ᠤ ᠮᠢᠩᠭᠠᠨ ᠲᠦᠮᠡᠨ ᠮᠤ᠋︾ ᠶᠢᠨ ᠦᠨᠳᠦᠷ ᠦᠷ᠎ᠡ ᠪᠦᠲᠦᠮᠵᠢᠲᠠᠢ ᠤᠰᠤ ᠠᠷᠪᠢᠯᠠᠵᠤ ᠤᠰᠤᠯᠠᠬᠤ ᠢᠨᠵᠧᠨᠧᠷᠢᠩ ᠢ | ᠪᠦᠬᠦ ᠲᠠᠯ᠎ᠠ ᠪᠠᠷ ᠬᠡᠷᠡᠭᠵᠢᠭᠦᠯᠵᠤ᠂ ᠤᠰᠤ ᠠᠷᠪᠢᠯᠠᠵᠤ ᠤᠰᠤᠯᠠᠬᠤ ᠲᠠᠯᠠᠪᠠᠢ ᠶᠢ 450 ᠲᠦᠮᠡᠨ ᠮᠤ᠋ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠂ ᠠᠮᠤ ᠪᠤᠳᠠᠭᠠᠨ ᠤ | ᠲᠠᠯᠠᠪᠠᠢ ᠨᠢᠭᠡᠴᠢ ᠶᠢᠨ ᠤᠨᠠᠯᠲᠠ ᠪᠠ ᠪᠠᠶᠢᠭᠠᠯᠢ ᠶᠢᠨ ᠭᠠᠮᠰᠢᠭ ᠢ ᠡᠰᠡᠷᠭᠦᠴᠡᠬᠦ ᠴᠢᠳᠠᠪᠤᠷᠢ ᠶᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠲᠠᠷᠢᠮᠠᠯ ᠤᠨ ᠪᠦᠲᠦᠴᠡ ᠪᠠ | ᠡᠭᠦᠯᠳᠡᠷ ᠤᠨ ᠪᠦᠲᠦᠴᠡ ᠶᠢ ᠰᠢᠯᠢᠳᠡᠭᠵᠢᠭᠦᠯᠵᠤ᠂ ᠦᠨᠳᠦᠷ ᠤᠨᠠᠯᠲᠠ ᠲᠠᠢ ᠴᠢᠨᠠᠷ ᠰᠠᠶᠢᠨᠲᠠᠢ ᠦᠨᠳᠦᠷ ᠦᠷ᠎ᠡ ᠠᠰᠢᠭ ᠲᠠᠢ ᠠᠶᠤᠯ ᠦᠭᠡᠢ ᠲᠠᠷᠢᠮᠠᠯ ᠤᠨ ᠠᠵᠤ | ᠦᠢᠯᠡᠰ ᠤᠨ ᠬᠦᠭᠵᠢᠯᠲᠠ ᠶᠢ ᠠᠬᠢᠭᠤᠯᠤᠨ᠎ᠠ᠃ ᠰᠢᠨ᠎ᠡ ᠨᠢᠭᠡᠨ ᠡᠬᠡᠯᠵᠢ ᠶᠢᠨ ︽ᠬᠤᠯᠢᠰᠢᠨ ᠢᠳᠡᠭᠡᠨ︾ ᠤ ᠢᠨᠵᠧᠨᠧᠷᠢᠩ ᠤᠨ ᠪᠠᠶᠢᠭᠤᠯᠤᠯᠲᠠ ᠶᠢ ᠰᠠᠶᠢᠲᠤᠷ | ᠠᠳᠬᠤᠵᠤ᠂ ᠪᠡᠯᠡᠳᠬᠡᠮᠵᠢᠲᠤ ᠢᠳᠡᠰᠢᠨ ᠨᠤᠭᠤᠭ᠎ᠠ ᠶᠢᠨ ᠲᠠᠯᠠᠪᠠᠢ ᠶᠢ 20 ᠲᠦᠮᠡᠨ ᠮᠤ᠋ ᠰᠢᠨ᠎ᠡ ᠪᠠᠷ ᠨᠡᠮᠡᠭᠳᠡᠭᠦᠯᠦᠨ᠎ᠡ᠃ ︽ᠠᠮᠤ ᠪᠤᠳᠠᠭᠠᠨ ᠤ ᠠᠮᠤᠷ ᠲᠦᠪᠰᠢᠨ ᠤ | ᠢᠨᠵᠧᠨᠧᠷᠢᠩ︾ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠬᠦᠮᠦᠷᠬᠡᠯᠡᠨ ᠬᠠᠳᠠᠭᠠᠯᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠠᠮᠤ | ᠪᠤᠳᠠᠭ᠎ᠠ ᠶᠢ ᠤᠷᠤᠭᠰᠢᠲᠠᠢ ᠬᠤᠳᠠᠯᠲᠤᠨ ᠠᠪᠬᠤ ᠶᠢ ᠪᠠᠲᠤᠯᠠᠨ᠎ᠠ᠃ ᠮᠠᠯ ᠠᠵᠤ ᠠᠬᠤᠢ ᠶᠢᠨ ᠬᠦᠭᠵᠢᠯᠲᠡ ᠶᠢᠨ ᠠᠷᠭ᠎ᠠ ᠮᠠᠶ᠋ᠢᠭ ᠢ ᠲᠦᠷᠭᠡᠳᠬᠡᠨ ᠬᠤᠪᠢᠷᠠᠭᠤᠯᠵᠤ᠂ ᠰᠦ | ᠰᠠᠭᠠᠯᠢ ᠶᠢᠨ ᠦᠢᠯᠡᠰ᠂ ᠢᠳᠡᠰᠢᠨ ᠦᠬᠡᠷ᠂ ᠢᠳᠡᠰᠢᠨ ᠬᠤᠨᠢᠨ ᠤ ᠠᠵᠤ ᠦᠢᠯᠡᠰ ᠢᠶᠠᠷ ᠭᠤᠤᠯᠳᠠᠯᠭ᠎ᠠ ᠪᠤᠯᠭᠠᠭᠰᠠᠨ ᠠᠮᠢ ᠠᠬᠤᠢ ᠶᠢᠨ ᠮᠠᠯ ᠠᠵᠤ ᠠᠬᠤᠢ ᠶᠢ ᠶᠡᠬᠡᠪᠡᠷ | ᠬᠦᠭᠵᠢᠭᠦᠯᠵᠤ᠂ ︽ᠬᠤᠤᠰ ᠵᠠᠭᠤ ᠮᠢᠩᠭ᠎ᠠ ᠲᠦᠮᠡ ᠶᠢᠨ ᠦᠨᠳᠦᠷ ᠬᠤᠷᠢᠶᠠᠯᠲᠠ ᠭᠠᠷᠤᠯᠲᠠ ᠶᠢ ᠡᠭᠦᠳᠤᠨ ᠪᠠᠶᠢᠭᠤᠯᠬᠤ ᠶᠠᠰᠤ ᠴᠢᠨᠠᠷ ᠢ ᠳᠡᠭᠡᠭᠰᠢᠯᠡᠭᠦᠯᠤᠨ ᠦᠷ᠎ᠡ | ᠠᠰᠢᠭ ᠢ ᠨᠡᠮᠡᠭᠳᠡᠭᠦᠯᠬᠦ︾ ᠢᠨᠵᠧᠨᠧᠷᠢᠩ ᠢ ᠬᠦᠨᠵᠡᠭᠡᠢ ᠬᠡᠷᠡᠭᠵᠢᠭᠦᠯᠵᠤ᠂ ᠮᠠᠯ ᠤᠨ ᠡᠭᠦᠯᠳᠡᠷ ᠰᠠᠶᠢᠵᠢᠷᠠᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠮᠠᠯᠵᠢᠬᠤ | ᠤᠷᠤᠨ ᠤ ᠠᠮᠢ ᠠᠬᠤᠢ ᠶᠢᠨ ᠬᠡᠷ ᠪᠦᠯᠢ ᠶᠢᠨ ᠮᠠᠯᠵᠢᠯ ᠤᠨ ᠲᠠᠯᠠᠪᠠᠢ ᠪᠠ ᠲᠠᠷᠢᠶᠠᠯᠠᠬᠤ ᠤᠷᠤᠨ ᠤ ᠪᠠᠷᠢᠮᠵᠢᠶᠠᠵᠢᠭᠤᠯᠤᠭᠰᠠᠨ ᠬᠡᠪᠴᠢᠶᠡᠲᠤ ᠲᠡᠵᠢᠭᠡᠨ ᠦᠷᠡᠵᠢᠭᠦᠯᠬᠦ | ᠲᠠᠯᠠᠪᠠᠢ ᠶᠢ ᠲᠦᠷᠭᠡᠳᠬᠡᠨ ᠬᠦᠭᠵᠢᠬᠦᠯᠵᠤ᠂ ᠤᠳᠤ ᠦᠶ᠎ᠡ ᠶᠢᠨ ᠮᠠᠯ ᠠᠵᠤ ᠠᠬᠤᠢ ᠶᠢᠨ ᠬᠦᠭᠵᠢᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠴᠢᠯᠡᠭᠰᠡᠨ ᠡᠵᠡᠩᠨᠡᠯᠲᠡ ᠶᠢ ᠢᠳᠡᠪᠬᠢᠲᠠᠢ ᠪᠠᠷ ᠲᠦᠯᠬᠢᠨ ᠠᠬᠢᠭᠤᠯᠤᠨ᠎ᠠ᠃ ᠲᠤᠰᠬᠠᠢ ᠲᠤᠮᠦ ᠡᠷᠤᠬᠡ᠂ ᠬᠡᠷ | ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ᠂ ᠲᠠᠷᠢᠶᠠᠴᠢᠨ ᠮᠠᠯᠴᠢᠳ ᠤᠨ ᠬᠤᠷᠰᠢᠶ᠎ᠠ᠂ ᠠᠵᠤ ᠦᠢᠯᠡᠰᠴᠢᠯᠡᠭᠰᠡᠨ ᠲᠠᠭᠠᠭᠤᠯᠤᠭᠴᠢ ᠠᠵᠤ ᠠᠬᠤᠶᠢᠯᠠᠯ ᠵᠡᠷᠭᠡ ᠤᠯᠠᠨ | ᠲᠦᠷᠦᠯ ᠤᠨ ᠡᠵᠡᠩᠨᠡᠯᠲᠡ ᠶᠢᠨ ᠭᠤᠤᠯ ᠴᠤᠭᠴᠠ ᠶᠢ ᠲᠡᠳᠬᠦᠨ ᠬᠦᠭᠵᠢᠭᠦᠯᠵᠤ᠂ ᠰᠦ᠂ ᠮᠢᠬ᠎ᠠ᠂ ᠨᠤᠯᠤᠤᠷ᠂ ᠠᠮᠤ ᠪᠤᠳᠠᠭ᠎ᠠ ᠪᠤᠷᠴᠠᠭ᠂ ᠲᠦᠮᠦᠰᠦ ᠵᠡᠷᠭᠡ ᠳᠠᠪᠠᠭᠤᠯᠢᠭ | ᠤᠨᠴᠠᠯᠢᠭ ᠪᠦᠬᠦᠢ ᠠᠵᠤ ᠦᠢᠯᠡᠰ ᠢᠶᠠᠷ ᠭᠤᠤᠯᠳᠠᠯᠭ᠎ᠠ ᠲᠠᠢ ᠭᠤᠤᠯᠯᠠᠭᠤᠯᠤᠨ᠂ ᠬᠤᠯᠪᠤᠭᠠᠯᠠᠭᠤᠯᠤᠨ ᠳᠠᠬᠢᠨ ᠵᠤᠬᠢᠶᠠᠨ ᠪᠠᠶᠢᠭᠤᠯᠬᠤ ᠪᠠᠷ ᠳᠠᠮᠵᠢᠭᠤᠯᠤᠨ | ᠦᠢᠯᠡᠳᠪᠦᠷᠢᠯᠡᠵᠤ ᠡᠳ᠋ᠰᠢᠭᠦᠯᠬᠦ ᠬᠡᠯᠪᠡᠷᠢ ᠶᠢᠨ᠂ ᠬᠦᠢᠯᠭᠡᠭᠡᠨ ᠠᠷᠠᠯᠵᠢᠶᠠᠯᠠᠬᠤ ᠬᠡᠯᠪᠡᠷᠢ ᠶᠢᠨ᠂ ᠲᠦᠭᠦᠷ ᠦᠢᠯᠡᠴᠢᠯᠡᠭᠡᠨ ᠤ ᠬᠡᠯᠪᠡᠷᠢ ᠶᠢᠨ ᠨᠢᠭᠡ ᠪᠦᠯᠦᠭ ᠳᠠᠭᠠᠭᠤᠯᠤᠭᠴᠢ | ᠠᠵᠤ ᠠᠬᠤᠶᠢᠯᠠᠯ ᠢ ᠲᠦᠷᠭᠡᠳᠬᠡᠨ ᠪᠤᠶᠢᠵᠢᠭᠤᠯᠵᠤ᠂ ᠬᠡᠪᠴᠢᠶᠡᠵᠢᠭᠦᠯᠦᠭᠰᠡᠨ᠂ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠢᠶᠠᠷ ᠲᠠᠷᠢᠶᠠᠯᠠᠩ ᠮᠠᠯ ᠠᠵᠤ ᠠᠬᠤᠢ ᠶᠢᠨ | ᠠᠵᠤ ᠦᠢᠯᠡᠰᠴᠢᠯᠡᠯᠲᠡ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠲᠠᠷᠢᠶᠠᠯᠠᠩ ᠤᠨ ᠪᠦᠲᠦᠭᠡᠭᠳᠡᠭᠦᠨ | ᠮᠠᠯ ᠤᠨ ᠠᠰᠢᠭ ᠰᠢᠮ᠎ᠡ ᠶᠢᠨ ᠡᠵᠡᠩᠨᠠᠨ ᠪᠤᠷᠤᠯᠠᠭᠤᠯᠬᠤ ᠠᠷᠭ᠎ᠠ ᠵᠠᠮ ᠤᠨ ᠪᠠᠶᠢᠭᠤᠯᠤᠯᠲᠠ ᠶᠢ ᠴᠢᠩᠭᠠᠳᠬᠠᠨ᠂ ᠠᠰᠢᠭ ᠲᠤᠰᠠ ᠪᠠᠷ ᠢᠶᠠᠨ ᠬᠤᠯᠪᠤᠯᠳᠤᠬᠤ ᠲᠤᠭᠲᠠᠴᠠ ᠶᠢ | ᠲᠡᠬᠦᠯᠳᠡᠷᠵᠢᠭᠦᠯᠦᠨ᠂ ᠲᠠᠷᠢᠶᠠᠴᠢᠨ ᠮᠠᠯᠴᠢᠳ ᠤᠨ ᠤᠷᠤᠯᠭ᠎ᠠ ᠶᠢᠨ ᠨᠡᠮᠡᠭᠳᠡᠯ ᠢ ᠠᠬᠢᠭᠤᠯᠤᠨ᠎ᠠ᠃ ᠬᠡᠲᠤᠨ ᠵᠢᠯ ᠤᠨ ᠴᠢᠷᠮᠠᠶᠢᠯᠭ᠎ᠠ ᠪᠠᠷ ᠳᠠᠮᠵᠢᠨ᠂ ᠪᠦᠬᠦ ᠤᠯᠤᠰ ᠲᠤ | ᠨᠡᠷᠡᠲᠠᠢ ᠢᠳᠡᠰᠢᠨ ᠬᠤᠨᠢ ᠶᠢᠨ 5 ᠲᠦᠷᠦᠯ ᠲᠡᠮᠳᠡᠭ ᠢ ᠪᠤᠢ ᠪᠤᠯᠭᠠᠵᠤ᠂ 100 ᠲᠦᠮᠡᠨ ᠲᠤᠯᠤᠭᠠᠢ ᠠᠴᠠ ᠳᠡᠭᠡᠭᠰᠢ ᠢᠳᠡᠰᠢᠨ ᠬᠤᠨᠢ ᠮᠠᠯᠯᠠᠬᠤ 5 ᠲᠤᠮᠤ ᠬᠡᠯᠪᠡᠷᠢ | ᠶᠢᠨ ᠦᠢᠯᠡᠳᠪᠦᠷᠢᠯᠡᠯ ᠤᠨ ᠬᠤᠯᠪᠤᠭᠠᠲᠤ ᠴᠤᠭᠴᠠ ᠶᠢ ᠪᠠᠶᠢᠭᠤᠯᠤᠨ᠂ ᠪᠤᠷᠤᠯᠠᠭᠤᠯᠤᠨ ᠬᠤᠳᠠᠯᠳᠤᠭᠰᠠᠨ ᠤᠷᠤᠯᠭ᠎ᠠ ᠨᠢ 10 ᠳ᠋ᠦᠩᠰᠢᠭᠤᠷ ᠲᠦᠭᠦᠷᠢᠭ ᠠᠴᠠ | ᠳᠡᠭᠡᠭᠰᠢᠬᠢ 5 ᠳᠠᠭᠠᠭᠤᠯᠬᠤ ᠠᠵᠤ ᠠᠬᠤᠶᠢᠯᠠᠯ ᠢ ᠪᠤᠶᠢᠵᠢᠭᠤᠯᠤᠨ᠎ᠠ᠃ | ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠮᠠᠶ᠋ᠢᠭ ᠤᠨ ᠡᠵᠡᠩᠨᠡᠯᠲᠡ ᠶᠢᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ ᠃ ᠦᠮᠴᠢᠯᠡᠬᠦ ᠡᠷᠬᠡ ᠶᠢ | ᠲᠤᠲᠤᠷᠬᠠᠶᠢᠯᠠᠬᠤ᠂ ᠳᠠᠭᠠᠭᠠᠴᠢᠯᠠᠯᠲᠠ ᠶᠢᠨ ᠡᠷᠬᠡ ᠶᠢ ᠲᠤᠭᠲᠠᠭᠤᠨ ᠪᠠᠶᠢᠯᠭᠠᠬᠤ᠂ ᠡᠵᠡᠩᠨᠡᠯᠲᠠ ᠶᠢᠨ ᠡᠷᠬᠡ ᠶᠢ ᠠᠮᠢᠳᠤᠯᠢᠭ ᠪᠤᠯᠭᠠᠬᠤ ᠱᠠᠭᠠᠷᠳᠠᠯᠭ᠎ᠠ ᠶᠤᠰᠤᠭᠠᠷ᠂ | ᠲᠠᠷᠢᠶᠠᠯᠠᠬᠤ ᠮᠠᠯᠵᠢᠬᠤ ᠤᠷᠤᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠦᠨ᠎ᠡ᠃ ᠲᠡᠷᠢᠶᠠᠯᠠᠬᠤ ᠮᠠᠯᠵᠢᠬᠤ ᠤᠷᠤᠨ ᠤ ᠭᠠᠵᠠᠷ ᠰᠢᠷᠤᠢ᠂ | ᠬᠠᠳᠤᠯᠠᠩ ᠪᠡᠯᠴᠢᠭᠡᠷ ᠤᠨ ᠬᠠᠮᠲᠤ ᠶᠢᠨ ᠦᠮᠴᠢᠯᠡᠯ ᠢ ᠪᠠᠷᠢᠮᠲᠠᠯᠠᠨ᠂ ᠲᠠᠷᠢᠶᠠᠴᠢᠨ ᠮᠠᠯᠴᠢᠳ ᠤᠨ ᠳᠠᠭᠠᠭᠠᠴᠢᠯᠠᠵᠤ ᠪᠦᠬᠦᠢ ᠭᠠᠵᠠᠷ ᠰᠢᠷᠤᠢ ᠪᠠᠨ ᠡᠵᠡᠮᠰᠢᠬᠦ᠂ ᠬᠡᠷᠡᠭᠯᠡᠬᠦ᠂ | ᠠᠰᠢᠭ ᠬᠦᠷᠲᠡᠬᠦ᠂ ᠡᠷᠬᠢᠯᠳᠦᠬᠦᠯᠬᠦ ᠪᠠ ᠳᠠᠭᠠᠭᠠᠴᠢᠯᠠᠨ ᠡᠵᠡᠩᠨᠠᠵᠤ ᠪᠠᠶᠢᠭ᠎ᠠ ᠡᠷᠬᠡ ᠪᠠᠨ ᠪᠠᠷᠢᠴᠠᠭᠠᠯᠠᠬᠤ᠂ ᠳᠠᠭᠠᠭᠠᠯᠲᠠ ᠬᠢᠬᠦ ᠡᠷᠬᠡ ᠶᠢ ᠬᠠᠤᠯᠢ ᠶᠤᠰᠤᠭᠠᠷ | ᠬᠠᠮᠠᠭᠠᠯᠠᠵᠤ᠂ ᠬᠠᠮᠲᠤ ᠶᠢᠨ ᠤᠢ ᠮᠤᠳᠤᠨ ᠤ ᠭᠠᠵᠠᠷ ᠢ ᠬᠡᠷ ᠪᠦᠯᠢ ᠳᠤ ᠳᠠᠭᠠᠭᠠᠴᠢᠯᠠᠭᠤᠯᠤᠨ ᠡᠵᠡᠩᠨᠡᠬᠦᠯᠬᠦ ᠳᠦᠷᠢᠮ ᠢ ᠲᠡᠭᠦᠯᠳᠡᠷᠵᠢᠭᠦᠯᠵᠤ᠂ ᠭᠠᠵᠠᠷ ᠰᠢᠷᠤᠢ ᠶᠢᠨ | ᠡᠷᠬᠡ ᠶᠢ ᠨᠤᠲᠠᠯᠠᠨ ᠳᠠᠩᠰᠠᠯᠠᠵᠤ ᠦᠨᠡᠮᠯᠡᠯ ᠤᠯᠭᠤᠬᠤ ᠲᠤᠷᠰᠢᠯᠲᠠ ᠶᠢᠨ ᠴᠢᠭ᠋ ᠤᠨ ᠠᠵᠢᠯ ᠢ ᠦᠷᠨᠢᠭᠦᠯᠦᠨ᠂ ᠲᠠᠷᠢᠶᠠᠯᠠᠬᠤ ᠮᠠᠯᠵᠢᠬᠤ ᠤᠷᠤᠨ ᠤ ᠬᠠᠮᠲᠤ ᠶᠢᠨ ᠭᠠᠵᠠᠷ | ᠰᠢᠷᠤᠢ ᠶᠢᠨ ᠦᠮᠴᠢᠯᠡᠬᠦ ᠡᠷᠬᠡ ᠶᠢ ᠨᠤᠲᠠᠯᠠᠨ ᠲᠠᠩᠰᠠᠯᠠᠵᠤ ᠦᠨᠡᠮᠯᠠᠯ ᠤᠯᠭᠤᠬᠤ ᠠᠵᠢᠯ ᠢ ᠦᠨᠳᠦᠰᠦᠨ ᠳᠤᠨᠢ ᠪᠡᠶᠡᠯᠡᠭᠦᠯᠵᠤ᠂ ᠤᠷᠤᠨ ᠰᠠᠭᠤᠴᠠ ᠶᠢᠨ ᠰᠠᠭᠤᠷᠢ ᠭᠠᠵᠠᠷ | ᠬᠢᠭᠡᠳ ᠬᠠᠮᠲᠤ ᠶᠢᠨ ᠪᠦᠲᠦᠬᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠤᠢ ᠶᠢᠨ ᠬᠡᠷᠡᠭᠯᠡᠬᠦ ᠡᠷᠬᠡ ᠶᠢ ᠳᠠᠩᠰᠠᠯᠠᠵᠤ ᠦᠨᠡᠮᠯᠠᠯ ᠤᠯᠭᠤᠬᠤ ᠠᠵᠢᠯ ᠢ ᠲᠦᠯᠬᠢᠨ | ᠠᠬᠢᠭᠤᠯᠤᠨ᠎ᠠ᠃ ᠬᠡᠷ ᠪᠦᠯᠢ ᠶᠢᠨ ᠡᠵᠡᠩᠨᠡᠯᠲᠡ ᠶᠢᠨ ᠦᠨᠳᠦᠰᠦᠨ ᠪᠠᠶᠢᠷᠢ ᠰᠠᠭᠤᠷᠢ ᠶᠢ ᠪᠠᠷᠢᠮᠲᠠᠯᠠᠨ᠂ ᠬᠡᠷ ᠪᠦᠯᠢ ᠡᠵᠡᠩᠨᠡᠬᠦ᠂ ᠬᠠᠮᠲᠤ ᠡᠵᠡᠩᠨᠡᠬᠦ᠂ ᠬᠤᠷᠰᠢᠵᠤ | ᠡᠵᠡᠩᠨᠡᠬᠦ ᠪᠠ ᠠᠵᠤ ᠠᠬᠤᠶᠢᠯᠠᠯ ᠡᠵᠡᠩᠨᠡᠬᠦ ᠬᠠᠮᠲᠤᠪᠠᠷ ᠬᠦᠭᠵᠢᠭᠰᠡᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠠᠯᠲᠡ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠶᠢ | ᠲᠦᠯᠬᠢᠨ ᠠᠬᠢᠭᠤᠯᠤᠨ᠎ᠠ᠃ ᠭᠠᠵᠠᠷ ᠰᠢᠷᠤᠢ ᠬᠠᠳᠤᠯᠠᠩ ᠪᠡᠯᠴᠢᠭᠡᠷ ᠢ ᠡᠷᠬᠢᠯᠳᠦᠭᠦᠯᠬᠦ ᠦᠢᠯᠡᠴᠢᠯᠡᠭᠡᠨ ᠤ ᠲᠤᠤᠷ ᠰᠦᠯᠵᠢᠶ᠎ᠡ ᠶᠢ ᠪᠦᠷᠢᠨᠰᠢᠭᠦᠯᠦᠨ᠂ ᠭᠠᠵᠠᠷ ᠰᠢᠷᠤᠢ | ᠬᠠᠳᠤᠯᠠᠩ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠰᠢᠨ᠎ᠡ ᠮᠠᠶ᠋ᠢᠭ ᠤᠨ ᠡᠵᠡᠩᠨᠡᠯᠲᠡ ᠶᠢᠨ ᠭᠤᠤᠯ ᠴᠤᠭᠴᠠ ᠲᠠᠰᠢ ᠡᠷᠬᠢᠯᠳᠦᠬᠦᠯᠬᠦ ᠵᠤᠷᠢᠭᠵᠢᠭᠤᠯᠤᠨ᠂ | ᠤᠯᠠᠨ ᠵᠦᠢᠯ ᠤᠨ ᠬᠡᠯᠪᠡᠷᠢ ᠪᠦᠬᠦᠢ ᠬᠡᠪᠴᠢᠶᠡᠵᠢᠭᠰᠡᠨ᠂ ᠡᠷᠴᠢᠮᠵᠢᠭᠰᠡᠨ ᠡᠵᠡᠩᠨᠡᠯᠲᠡ ᠶᠢ ᠬᠦᠭᠵᠢᠭᠦᠯᠵᠤ᠂ ᠪᠦᠬᠦ ᠶᠠᠪᠤᠴᠠ ᠶᠢ ᠬᠠᠮᠤᠷᠤᠭᠰᠠᠨ᠂ ᠶᠡᠷᠦᠩᠭᠡᠶᠢᠯᠡᠨ ᠢᠵᠢ | ᠪᠦᠷᠢᠳᠤᠬᠦᠯᠦᠭᠰᠡᠨ᠂ ᠳᠦᠭᠦᠮ ᠲᠦᠳᠡ ᠦᠨᠳᠦᠷ ᠦᠷ᠎ᠡ ᠪᠦᠲᠦᠮᠵᠢᠲᠠᠢ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠶᠢ | ᠪᠠᠶᠢᠭᠤᠯᠤᠨ ᠪᠦᠷᠢᠨᠰᠢᠭᠦᠯᠦᠨ᠎ᠡ᠃ | ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠦᠭᠡᠢ ᠶᠢ ᠪᠦᠬᠦ ᠬᠦᠴᠦ ᠪᠠᠷ ᠢᠶᠠᠨ ᠰᠠᠶᠢᠲᠤᠷ ᠠᠳᠬᠤᠨ᠎ᠠ᠃ | ᠦᠢᠯᠡᠳᠪᠦᠷᠢᠯᠡᠯ ᠤᠨ ᠤᠷᠴᠢᠨ ᠲᠤᠭᠤᠷᠢᠨ ᠤ ᠠᠶᠤᠯ ᠦᠭᠡᠢ ᠶᠢᠨ ᠪᠤᠭᠤᠮᠲᠠ ᠶᠢ ᠴᠢᠩᠭ᠎ᠠ ᠠᠳᠬᠤᠵᠤ᠂ ᠲᠤᠰᠬᠠᠶᠢᠴᠢᠯᠠᠭᠰᠠᠨ᠂ ᠪᠠᠷᠢᠮᠵᠢᠶᠠᠵᠢᠭᠤᠯᠤᠭᠰᠠᠨ᠂ | ᠨᠡᠶᠢᠲᠡ ᠳᠤ ᠬᠤᠤᠷᠳᠠᠭᠤᠯᠤᠯ ᠦᠭᠡᠢ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠪᠠ ᠪᠤᠬᠢᠷᠳᠤᠯ ᠦᠭᠡᠢ ᠢᠳᠡᠭᠡᠨ ᠤ ᠦᠢᠯᠡᠳᠪᠦᠷᠢᠯᠡᠯ ᠤᠨ ᠵᠢᠱᠢᠶ᠎ᠡ | ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ | ᠭᠠᠷᠤᠯᠲᠠ ᠶᠢᠨ ᠭᠠᠵᠠᠷ ᠤᠨ ᠤᠷᠴᠢᠨ ᠲᠤᠭᠤᠷᠢᠨ ᠤ ᠪᠤᠬᠢᠷᠳᠤᠯ ᠢ ᠴᠢᠩᠭ᠎ᠠ ᠬᠢᠵᠠᠭᠠᠷᠯᠠᠨ ᠡᠵᠡᠮᠳᠡᠵᠤ᠂ ᠲᠠᠷᠢᠶᠠᠯᠠᠩ ᠮᠠᠯ ᠠᠵᠤ ᠠᠬᠤᠢ ᠶᠢᠨ ᠤᠷᠴᠢᠨ ᠲᠤᠭᠤᠷᠢᠨ᠂ | ᠤᠷᠤᠭᠤᠯᠤᠯᠲᠠ ᠡᠳ᠋ ᠵᠡᠷᠭᠡ ᠶᠢᠨ ᠶᠠᠰᠤ ᠴᠢᠨᠠᠷ ᠤᠨ ᠠᠶᠤᠯ ᠦᠬᠡᠢ ᠶᠢᠨ ᠪᠠᠶᠢᠴᠠᠭᠠᠯᠲᠠ ᠶᠢ ᠴᠢᠩᠭᠠᠳᠬᠠᠨ᠂ ᠬᠠᠤᠯᠢ ᠬᠡᠷᠡᠭᠵᠢᠭᠦᠯᠬᠦ ᠴᠢᠳᠠᠪᠤᠷᠢ ᠪᠠ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠦᠭᠡᠢ ᠶᠢ ᠰᠢᠯᠭᠠᠨ ᠪᠠᠶᠢᠴᠠᠭᠠᠬᠤ ᠪᠠᠶᠢᠴᠠᠭᠠᠨ | ᠬᠡᠮᠵᠢᠬᠦ ᠪᠠ ᠮᠦᠷᠳᠡᠨ ᠨᠡᠬᠡᠮᠵᠢᠯᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠭᠡᠨ᠂ ᠦᠢᠯᠡᠳᠪᠦᠷᠢᠯᠡᠬᠦ ᠡᠬᠢ ᠡᠬᠦᠰᠦᠯ ᠠᠴᠠ ᠨᠢ ᠵᠠᠰᠠᠬᠤ ᠪᠠ ᠦᠢᠯᠡᠳᠪᠦᠷᠢᠯᠡᠵᠤ | ᠪᠤᠷᠤᠯᠠᠭᠤᠯᠬᠤ ᠪᠦᠬᠦ ᠶᠠᠪᠤᠴᠠ ᠶᠢᠨ ᠬᠢᠨᠠᠨ ᠬᠠᠮᠢᠶᠠᠷᠬᠤ ᠶᠢ ᠴᠢᠩᠭᠠᠳᠬᠠᠵᠤ᠂ ᠠᠶᠤᠯ ᠦᠭᠡᠢ ᠦᠢᠯᠡᠳᠪᠦᠷᠢᠯᠡᠯ ᠤᠨ ᠴᠢᠩᠭ᠎ᠠ ᠵᠢᠷᠤᠮᠵᠢᠯ ᠢ ᠪᠠᠶᠢᠭᠤᠯᠤᠨ᠂ ᠠᠷᠠᠳ | ᠤᠯᠠᠨ ᠤ ︽ᠢᠳᠡᠭᠡᠨ ᠤᠮᠳᠠᠭᠠᠨ ᠤ ᠠᠶᠤᠯ ᠦᠭᠡᠢ︾ ᠶᠢ ᠦᠨᠡᠨᠬᠦ ᠪᠠᠲᠤᠯᠠᠨ᠎ᠠ᠃ ᠠᠮᠢ ᠠᠬᠤᠢ ᠶᠢᠨ ᠤᠭ ᠭᠠᠷᠤᠯᠲᠠ ᠶᠢᠨ ᠭᠠᠵᠠᠷ ᠤᠨ ᠪᠦᠲᠦᠭᠡᠭᠳᠡᠬᠦᠨ ᠢ | ᠬᠠᠮᠠᠭᠠᠯᠠᠬᠤ ᠪᠠ ᠨᠡᠶᠢᠲᠡ ᠳᠤ ᠬᠤᠤᠷᠳᠠᠭᠤᠯᠤᠯ ᠦᠭᠡᠢ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ᠂ ᠪᠤᠬᠢᠷᠳᠤᠯ ᠦᠬᠡᠢ ᠢᠳᠡᠭᠡᠨ᠂ ᠤᠷᠭᠠᠨᠢᠭ | ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ᠂ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠭᠠᠵᠠᠷ ᠵᠦᠢ ᠶᠢᠨ ᠲᠡᠮᠳᠡᠭ ᠢ ᠰᠢᠯᠭᠠᠨ | ᠲᠤᠭᠲᠠᠭᠠᠬᠤ ᠶᠠᠪᠤᠳᠠᠯ ᠢ ᠴᠢᠩᠭᠠᠳᠬᠠᠨ᠂ ᠮᠠᠨ ᠤ ᠤᠷᠤᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠲᠦᠷᠦᠯ ᠲᠡᠮᠳᠡᠭ ᠤᠨ ᠠᠯᠳᠠᠷᠰᠢᠯ ᠪᠠ | ᠦᠷᠢᠰᠦᠯᠲᠦᠬᠦ ᠴᠢᠳᠠᠯ ᠢ ᠳᠡᠭᠡᠭᠰᠢᠯᠡᠭᠦᠯᠦᠨ᠎ᠡ᠃ | ᠰᠢᠨ᠎ᠡ ᠲᠡᠷᠢᠶᠡᠯᠠᠬᠤ ᠮᠠᠯᠵᠢᠬᠤ ᠤᠷᠤᠨ ᠤ ᠪᠦᠲᠦᠭᠡᠨ ᠪᠠᠶᠢᠭᠤᠯᠤᠯᠲᠠ ᠶᠢ ᠦᠨᠡᠨᠬᠦ ᠴᠢᠩᠭᠠᠳᠬᠠᠨ᠎ᠠ᠃ ᠬᠤᠲᠠ ᠬᠦᠳᠡᠭᠡ ᠶᠢ ᠨᠢᠭᠡ ᠴᠤᠭᠴᠠᠵᠢᠭᠤᠯᠤᠨ | ᠬᠦᠭᠵᠢᠭᠦᠯᠬᠦ ᠶᠢ ᠶᠡᠬᠡᠪᠡᠷ ᠲᠦᠯᠬᠢᠨ ᠠᠬᠢᠭᠤᠯᠵᠤ᠂ ᠰᠠᠭᠤᠷᠢ ᠪᠡᠯᠡᠳᠬᠡᠮᠵᠢ ᠶᠢ ᠲᠠᠷᠢᠶᠠᠯᠠᠬᠤ ᠮᠠᠯᠵᠢᠬᠤ ᠤᠷᠤᠨ ᠲᠡᠰᠢ ᠤᠷᠳᠤᠳᠬᠠᠬᠤ᠂ ᠤᠯᠠᠨ ᠨᠡᠶᠢᠲᠡ ᠶᠢᠨ | ᠦᠢᠯᠡᠴᠢᠯᠡᠭᠡᠨ ᠢᠶᠠᠷ ᠮᠠᠯᠵᠢᠬᠤ ᠲᠠᠷᠢᠶᠠᠯᠠᠬᠤ ᠤᠷᠤᠨ ᠢ ᠬᠠᠮᠤᠷᠤᠭᠤᠯᠬᠤ᠂ ᠬᠤᠲᠠ ᠶᠢᠨ ᠪᠤᠯᠪᠠᠰᠤᠨ ᠢᠶᠠᠷ ᠮᠠᠯᠵᠢᠬᠤ ᠲᠠᠷᠢᠶᠠᠯᠠᠬᠤ ᠤᠷᠤᠨ ᠢ ᠨᠦᠯᠦᠭᠡᠯᠡᠨ | ᠲᠠᠶᠢᠴᠢᠯᠠᠬᠤ ᠶᠢ ᠠᠬᠢᠭᠤᠯᠤᠨ᠎ᠠ᠃ ᠤᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠯᠲᠠ ᠶᠢᠨ ᠭᠤᠤᠯᠳᠠᠯᠭ᠎ᠠ ᠶᠢ ᠲᠡᠷᠢᠶᠠᠯᠠᠬᠤ ᠮᠠᠯᠵᠢᠬᠤ ᠤᠷᠤᠨ ᠳᠤ ᠲᠠᠯᠪᠢᠬᠤ ᠶᠢ | ᠪᠠᠷᠢᠮᠲᠠᠯᠠᠨ᠂ 3 ᠵᠢᠯ ᠤᠨ ᠬᠤᠭᠤᠴᠠᠭᠠᠨ ᠳᠤ᠂ ᠪᠦᠬᠦ ᠤᠷᠤᠨ ᠤ ᠬᠡᠪᠴᠢᠶᠡᠨ ᠳᠤ ᠲᠠᠷᠢᠶᠠᠯᠠᠬᠤ ᠮᠠᠯᠵᠢᠬᠤ ᠤᠷᠤᠨ ᠤ ᠨᠤᠷᠠᠬᠤ ᠠᠶᠤᠯᠲᠠᠢ ᠬᠡᠷ ᠪᠠᠶᠢᠰᠢᠩ ᠢ ᠵᠠᠰᠠᠨ | ᠰᠢᠨᠡᠳᠬᠡᠬᠦ᠂ ᠠᠶᠤᠯ ᠦᠭᠡᠢ ᠤᠤᠭᠤᠬᠤ ᠤᠰᠤ᠂ ᠭᠠᠴᠠᠭ᠎ᠠ ᠲᠤᠰᠬᠤᠨ ᠤ ᠵᠡᠬᠡᠯᠢ ᠭᠤᠳᠤᠮᠵᠢ ᠶᠢ ᠬᠠᠲᠠᠭᠤᠷᠠᠭᠤᠯᠬᠤ᠂ ᠲᠤᠰᠬᠤᠨ ᠪᠤᠯᠭᠠᠨ ᠳᠤ ᠴᠠᠬᠢᠯᠭᠠᠨ | ᠨᠡᠪᠲᠡᠷᠡᠭᠦᠯᠬᠦ᠂ ᠲᠤᠰᠬᠤᠨ ᠪᠤᠯᠭᠠᠨ ᠳᠤ ᠷᠠᠳᠢᠤ᠋ ᠨᠡᠪᠲᠡᠷᠡᠭᠦᠯᠭᠡ ᠲᠧᠯᠸᠢᠰ ᠪᠠ ᠴᠢᠮᠡᠭᠡ ᠨᠡᠪᠲᠡᠷᠡᠭᠦᠯᠬᠡ ᠨᠡᠪᠲᠡᠷᠡᠭᠦᠯᠬᠦ᠂ ᠰᠤᠷᠭᠠᠭᠤᠯᠢ ᠶᠢᠨ ᠬᠡᠷ ᠪᠠᠶᠢᠷᠢ ᠶᠢᠨ ᠪᠦᠲᠦᠭᠡᠨ | ᠪᠠᠶᠢᠭᠤᠯᠤᠯᠲᠠ ᠬᠢᠭᠡᠳ ᠠᠠᠶᠤᠯ ᠦᠭᠡᠢ ᠪᠤᠯᠭᠠᠨ ᠵᠠᠰᠠᠨ ᠰᠢᠨᠡᠳᠬᠡᠬᠦ᠂ ᠭᠠᠴᠠᠭ᠎ᠠ ᠲᠤᠰᠬᠤᠨ ᠤ ᠪᠠᠷᠢᠮᠵᠢᠶᠠᠵᠢᠭᠤᠯᠤᠭᠰᠠᠨ ᠡᠷᠡᠬᠦᠯ ᠬᠠᠮᠠᠭᠠᠯᠠᠯ ᠤᠨ ᠲᠠᠰᠤᠭ᠂ ᠭᠠᠴᠠᠭ᠎ᠠ | ᠲᠤᠰᠬᠤᠨ ᠤ ᠰᠤᠶᠤᠯ ᠲᠤᠭᠯᠠᠭᠠᠮ ᠤᠨ ᠦᠷᠦᠭᠡ᠂ ᠠᠷᠠᠳ ᠲᠤ ᠳᠦᠭᠦᠮ ᠬᠡᠯᠬᠢᠶ᠎ᠡ ᠬᠡᠲᠤ ᠳᠡᠯᠭᠡᠬᠦᠷ᠂ ᠲᠡᠷᠢᠶᠠᠯᠠᠬᠤ ᠮᠠᠯᠵᠢᠬᠤ ᠤᠷᠤᠨ ᠤ ᠪᠠᠶᠢᠡᠭᠭᠤ ᠰᠠᠭᠤᠭ᠎ᠠ ᠬᠦᠮᠦᠨ | ᠠᠮᠠ ᠶᠢᠨ ᠨᠠᠰᠤᠵᠢᠯ ᠡᠮᠨᠡᠯᠭᠡ ᠨᠠᠭᠠᠲᠤ ᠵᠠᠬ᠎ᠠ ᠶᠢᠨ ᠪᠠᠲᠤᠯᠭ᠎ᠠ ᠵᠡᠷᠭᠡ ᠨᠡᠶᠢᠭᠡᠮ ᠪᠠᠲᠤᠯᠭ᠎ᠠ ᠶᠢᠨ ︽ᠠᠷᠪᠠᠨ ᠪᠦᠬᠦᠨ ᠢ ᠬᠠᠮᠤᠷᠬᠤ︾ ᠶᠢ ᠪᠶᠡᠯᠡᠭᠦᠯᠦᠨ᠂ ᠬᠤᠲᠠ | ᠬᠦᠳᠡᠭᠡ ᠶᠢᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠲᠡᠩᠴᠡᠭᠦᠷᠢᠰᠢᠯᠲᠡ ᠶᠢ ᠠᠬᠢᠭᠤᠯᠤᠨ᠎ᠠ᠃ ᠲᠠᠷᠢᠶᠠᠯᠠᠬᠤ ᠮᠠᠯᠵᠢᠬᠤ ᠤᠷᠤᠨ ᠤ ᠵᠠᠰᠠᠮᠠᠯ ᠵᠠᠮ᠂ | ᠤᠰᠤᠨ ᠠᠰᠢᠭᠯᠠᠯᠲᠠ᠂ ᠴᠠᠬᠢᠯᠭᠠᠨ ᠤ ᠲᠤᠤᠷ ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠤᠯᠲᠠᠢ ᠲᠦᠯᠦᠪᠯᠡᠨ ᠲᠦᠯᠬᠢᠨ ᠠᠬᠢᠭᠤᠯᠵᠤ᠂ | ᠲᠡᠷᠢᠶᠠᠯᠠᠬᠤ ᠮᠠᠯᠵᠢᠬᠤ ᠤᠷᠤᠨ ᠤ ᠨᠠᠮᠤᠭ ᠤᠨ ᠬᠡᠢ ᠪᠤᠯᠤᠨ ᠠᠶᠤᠯ ᠦᠭᠡᠢ ᠤᠤᠭᠤᠬᠤ ᠤᠰᠤᠨ ᠤ ᠢᠨᠵᠧᠨᠧᠷᠢᠩ ᠢ ᠰᠠᠶᠢᠲᠤᠷ ᠠᠳᠬᠤᠵᠤ᠂ ᠬᠦᠳᠡᠭᠡ ᠲᠤᠰᠬᠤᠨ ᠤ 1. | 5 ᠲᠦᠮᠡᠨ ᠡᠷᠦᠬᠡ ᠳᠤ ᠨᠠᠮᠤᠭ ᠤᠨ ᠬᠡᠢ ᠬᠡᠷᠡᠭᠯᠡᠭᠦᠯᠬᠦ ᠪᠦᠲᠦᠭᠡᠨ ᠪᠠᠶᠢᠭᠤᠯᠤᠯᠲᠠ ᠬᠢᠵᠤ᠂ 80 ᠲᠦᠮᠡᠨ ᠬᠦᠮᠦᠨ ᠠᠮᠠ ᠶᠢᠨ ᠠᠶᠤᠯ ᠦᠭᠡᠢ ᠤᠤᠭᠤᠬᠤ ᠤᠰᠤᠨ ᠤ | ᠠᠰᠠᠭᠤᠳᠠᠯ ᠢ ᠰᠢᠢᠳᠪᠦᠷᠢᠯᠡᠨ᠎ᠡ᠂ ᠤᠷᠤᠰᠢᠨ ᠰᠠᠭᠤᠬᠤ ᠳᠤ ᠲᠤᠬᠢᠷᠠᠭᠰᠠᠨ ᠦᠵᠡᠰᠭᠦᠯᠡᠩᠲᠤ ᠰᠠᠶᠢᠬᠠᠨ ᠬᠦᠳᠡᠭᠡ ᠲᠤᠰᠬᠤᠨ ᠢ ᠶᠡᠬᠡᠪᠡᠷ ᠪᠦᠲᠦᠭᠡᠨ ᠪᠠᠶᠢᠭᠤᠯᠵᠤ᠂ | ᠰᠢᠨ᠎ᠡ ᠲᠠᠷᠢᠶᠠᠯᠠᠬᠤ ᠮᠠᠯᠵᠢᠬᠤ ᠤᠷᠤᠨ ᠤ ᠪᠦᠲᠦᠭᠡᠨ ᠪᠠᠶᠢᠭᠤᠯᠤᠯᠲᠠ ᠶᠢᠨ ᠵᠢᠱᠢᠶ᠎ᠠ ᠦᠵᠡᠭᠦᠯᠬᠦ ᠢᠨᠵᠧᠨᠧᠷᠢᠩ ᠢ ᠬᠦᠨᠵᠡᠭᠡᠢ ᠲᠦᠯᠬᠢᠨ ᠠᠬᠢᠭᠤᠯᠵᠤ᠂ ᠲᠡᠷᠢᠶᠠᠯᠠᠬᠤ | ᠮᠠᠯᠵᠢᠬᠤ ᠤᠷᠤᠨ ᠤ ᠬᠦᠮᠦᠰ ᠤᠨ ᠤᠷᠤᠰᠢᠨ ᠰᠠᠭᠤᠬᠤ ᠤᠷᠴᠢᠨ ᠲᠤᠭᠤᠷᠢᠨ ᠢ ᠶᠡᠷᠦᠩᠭᠡᠶᠢᠯᠡᠨ ᠴᠡᠭᠴᠡᠯᠡᠨ ᠵᠠᠰᠠᠬᠤ ᠶᠢ ᠪᠦᠬᠦ ᠲᠠᠯ᠎ᠠ ᠪᠠᠷ ᠦᠷᠨᠢᠭᠦᠯᠦᠨ᠂ ᠲᠡᠷᠢᠶᠠᠯᠠᠬᠤ | ᠮᠠᠯᠵᠢᠬᠤ ᠤᠷᠤᠨ ᠤ ᠲᠦᠷᠰᠦ ᠪᠠᠶᠢᠳᠠᠯ ᠳᠤ ᠦᠨᠳᠦᠰᠦᠨ ᠴᠢᠨᠡᠷᠲᠠᠢ ᠬᠤᠪᠢᠷᠠᠯᠲᠠ ᠭᠠᠷᠭᠠᠨ᠎ᠠ᠃ | ︵ᠳᠦᠷᠪᠡ︶ ᠠᠵᠤ ᠠᠬᠤᠢ ᠶᠢᠨ ᠪᠠᠶᠢᠭᠤᠯᠤᠯ ᠤᠨ ᠦᠭᠡᠷᠡᠴᠢᠯᠡᠯᠲᠡ ᠪᠠᠷ ᠭᠤᠤᠯᠳᠠᠯᠭ᠎ᠠ ᠪᠤᠯᠭᠠᠨ ᠦᠭᠡᠷᠡᠴᠢᠯᠡᠯᠲᠡ ᠨᠡᠭᠡᠭᠡᠯᠲᠡ ᠶᠢ ᠬᠦᠨᠵᠡᠭᠡᠶᠢᠷᠡᠭᠦᠯᠦᠨ᠂ | ᠬᠦᠭᠵᠢᠯᠲᠡ ᠶᠢᠨ ᠠᠮᠢᠵᠢᠷᠠᠯ ᠤᠨ ᠬᠦᠴᠦᠨ ᠪᠤᠯᠤᠨ ᠬᠦᠳᠡᠯᠬᠡᠬᠦ ᠬᠦᠴᠦᠨ ᠢ ᠨᠡᠮᠡᠭᠳᠡᠭᠦᠯᠦᠨ᠎ᠡ᠃ | ᠠᠵᠤ ᠠᠬᠤᠢ ᠶᠢᠨ ᠪᠠᠶᠢᠭᠤᠯᠤᠯ ᠤᠨ ᠦᠭᠡᠷᠡᠴᠢᠯᠡᠯᠲᠡ ᠶᠢ ᠢᠳᠡᠪᠬᠢᠲᠠᠢ ᠪᠠᠷ ᠲᠦᠯᠬᠢᠨ ᠠᠬᠢᠭᠤᠯᠤᠨ᠎ᠠ᠃ ᠤᠯᠤᠰ ᠤᠨ ᠦᠮᠴᠢᠯᠡᠯᠲᠤ ᠡᠳ᠋ ᠬᠦᠷᠦᠩᠭᠡ ᠶᠢᠨ | ᠬᠠᠮᠢᠶᠠᠷᠤᠯᠲᠠ ᠶᠢᠨ ᠪᠠᠶᠢᠭᠤᠯᠤᠯ ᠢ ᠰᠢᠯᠤᠭᠤᠳᠬᠠᠨ᠂ ᠬᠦᠷᠦᠩᠭᠡ ᠶᠢ ᠬᠠᠮᠢᠶᠠᠷᠬᠤ ᠪᠠᠷ ᠭᠤᠤᠯ ᠪᠤᠯᠭᠠᠨ ᠤᠯᠤᠰ ᠤᠨ ᠦᠮᠴᠢᠯᠡᠯᠲᠤ ᠡᠳ᠋ ᠬᠦᠷᠦᠩᠭᠡ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠂ ᠤᠯᠤᠰ ᠤᠨ ᠦᠮᠴᠢᠯᠡᠯᠲᠤ ᠡᠳ᠋ ᠬᠦᠷᠦᠩᠭᠡ ᠶᠢᠨ ᠪᠠᠶᠢᠷᠢᠰᠢᠭᠤᠯᠤᠯ ᠪᠠ ᠪᠦᠲᠦᠴᠡ ᠶᠢ ᠰᠢᠯᠢᠳᠡᠭᠵᠢᠭᠦᠯᠦᠨ ᠲᠤᠬᠢᠷᠠᠭᠤᠯᠤᠨ᠎ᠠ᠃ | ᠤᠯᠤᠰ ᠤᠨ ᠦᠮᠴᠢᠯᠡᠯᠲᠤ ᠠᠵᠤ ᠠᠬᠤᠶᠢᠯᠠᠯ ᠤᠨ ᠦᠭᠡᠷᠡᠴᠢᠯᠡᠯᠲᠡ ᠶᠢ ᠬᠦᠨᠵᠡᠭᠡᠶᠢᠷᠡᠭᠦᠯᠦᠨ᠂ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠵᠤ | ᠂ ᠤᠯᠤᠰ ᠤᠨ ᠦᠮᠴᠢᠯᠡᠯᠲᠤ ᠠᠵᠤ ᠠᠬᠤᠶᠢᠯᠠᠯ ᠤᠨ ᠦᠭᠡᠷᠡᠴᠢᠯᠡᠯᠲᠠ ᠳᠤ ᠠᠷᠠᠳ ᠤᠨ ᠬᠦᠷᠦᠩᠭᠡ ᠶᠢᠨ ᠤᠷᠤᠯᠴᠠᠬᠤ ᠶᠢ ᠵᠤᠷᠢᠭᠵᠢᠭᠤᠯᠤᠨ᠂ ᠬᠤᠯᠢᠮᠠᠭ ᠦᠮᠴᠢᠯᠡᠯᠲᠤ | ᠠᠵᠤ ᠠᠬᠤᠢ ᠶᠢ ᠢᠳᠡᠪᠬᠢᠲᠠᠢ ᠪᠠᠷ ᠬᠦᠭᠵᠢᠭᠦᠯᠦᠨ᠂ ᠤᠯᠤᠰ ᠤᠨ ᠦᠮᠴᠢᠯᠡᠯ ᠤᠨ᠂ ᠬᠠᠮᠲᠤ ᠶᠢᠨ ᠪᠠ ᠠᠷᠠᠳ ᠤᠨ ᠬᠦᠷᠦᠩᠭᠡ ᠰᠤᠯᠪᠢᠴᠡᠨ ᠰᠲ᠋ᠤᠺ ᠡᠵᠡᠮᠰᠢᠬᠦ ᠪᠠ | ᠬᠠᠷᠢᠯᠴᠠᠨ ᠠᠭᠤᠰᠤᠯᠴᠠᠨ ᠨᠢᠭᠡᠳᠬᠦ ᠶᠢ ᠲᠦᠯᠬᠢᠨ ᠠᠬᠢᠭᠤᠯᠤᠨ᠎ᠠ᠃ ᠴᠠᠬᠢᠯᠭᠠᠨ ᠬᠦᠴᠦᠨ ᠤ ᠵᠠᠬ᠎ᠠ ᠳᠡᠯᠭᠡᠬᠦᠷ ᠤᠨ ᠦᠭᠡᠷᠡᠴᠢᠯᠡᠯᠲᠡ ᠶᠢ ᠬᠦᠨᠵᠡᠭᠡᠶᠢᠷᠡᠭᠦᠯᠵᠤ᠂ | ᠤᠯᠤᠰ ᠠᠴᠠ ᠮᠠᠨ ᠤ ᠤᠷᠤᠨ ᠳᠤ ᠴᠠᠬᠢᠯᠭᠠᠨ ᠬᠦᠴᠦᠨ ᠤ ᠪᠠᠶᠢᠭᠤᠯᠤᠯ ᠤᠨ ᠦᠭᠡᠷᠡᠴᠢᠯᠡᠯᠲᠡ ᠶᠢᠨ ᠲᠤᠷᠰᠢᠯᠲᠠ ᠬᠢᠬᠦ ᠶᠢ ᠴᠢᠷᠮᠠᠶᠢᠨ ᠤᠯᠵᠤ᠂ ᠲᠤᠤᠷᠵᠢᠭᠤᠯᠬᠤ ᠪᠠ | ᠲᠡᠭᠡᠭᠡᠪᠦᠷᠢᠯᠡᠬᠦ ᠶᠢ ᠰᠠᠯᠭᠠᠬᠤ ᠰᠢᠨ᠎ᠡ ᠬᠡᠯᠪᠡᠷᠢ ᠮᠠᠶ᠋ᠢᠭ ᠢ ᠢᠳᠡᠪᠬᠢᠲᠠᠢ ᠰᠦᠪᠡᠭᠴᠢᠯᠡᠨ᠂ ᠴᠠᠬᠢᠯᠭᠠᠨ ᠦᠨ᠎ᠡ ᠶᠢᠨ ᠪᠤᠢ ᠪᠤᠯᠬᠤ ᠲᠤᠭᠲᠠᠴᠠ ᠶᠢ ᠲᠡᠭᠦᠯᠳᠡᠷᠵᠢᠭᠦᠯᠵᠤ᠂ | ᠦᠨ᠎ᠡ ᠦᠷᠢᠰᠦᠯᠳᠤᠨ ᠲᠤᠤᠷ ᠲᠤ ᠭᠠᠷᠬᠤ ᠶᠢ ᠲᠦᠯᠬᠢᠨ ᠠᠬᠢᠭᠤᠯᠤᠨ᠎ᠠ᠃ ᠦᠪᠦᠷ ᠮᠤᠩᠭᠤᠯ ᠤᠨ ᠪᠠᠷᠠᠭᠤᠨ ᠬᠡᠰᠡᠭ ᠤᠨ ᠭᠠᠵᠠᠷ ᠤᠷᠤᠨ ᠤ ᠴᠠᠬᠢᠯᠭᠠᠨ ᠬᠦᠴᠦᠨ ᠤ | ᠵᠠᠬ᠎ᠠ ᠳᠡᠯᠭᠡᠬᠦᠷ ᠤᠨ ᠤᠯᠠᠨ ᠲᠡᠰᠢ ᠠᠷᠠᠯᠵᠢᠶᠠᠯᠠᠬᠤ ᠲᠤᠭᠲᠠᠴᠠ ᠶᠢ ᠲᠡᠭᠦᠯᠳᠡᠷᠵᠢᠭᠦᠯᠵᠤ᠂ ᠦᠪᠦᠷ ᠮᠤᠩᠭᠤᠯ ᠤᠨ ᠵᠡᠭᠦᠨ ᠬᠡᠰᠡᠭ ᠤᠨ ᠭᠠᠵᠠᠷ ᠤᠷᠤᠨ ᠤ ᠲᠤᠮᠤ | ᠬᠡᠷᠡᠭᠯᠡᠬᠦ ᠡᠷᠦᠬᠡ ᠳᠤ ᠰᠢᠭᠤᠳ ᠴᠠᠬᠢᠯᠭᠠᠨ ᠬᠠᠨᠭ᠍ᠭᠠᠬᠤ ᠶᠢ ᠡᠬᠢᠯᠡᠭᠦᠯᠵᠤ᠂ ᠠᠵᠤ ᠠᠬᠤᠶᠢᠯᠠᠯ ᠤᠨ ᠬᠡᠷᠡᠭᠯᠡᠬᠦ ᠴᠠᠬᠢᠯᠭᠠᠨ ᠤ ᠦᠪᠡᠷ ᠤᠨ ᠦᠷᠲᠡᠭ ᠢ ᠪᠠᠭᠤᠷᠠᠭᠤᠯᠤᠨ᠎ᠠ᠃ | ᠤᠷᠤᠨ ᠪᠦᠰᠡ ᠠᠯᠤᠰᠯᠠᠭᠰᠠᠨ ᠴᠠᠬᠢᠯᠭᠠᠨ ᠬᠦᠴᠦᠨ ᠤ ᠵᠠᠬ᠎ᠠ ᠳᠡᠯᠭᠡᠬᠦᠷ ᠤᠨ ᠰᠢᠰᠲ᠋ᠧᠮᠵᠢ ᠶᠢ ᠪᠠᠶᠢᠭᠤᠯᠵᠤ᠂ ᠴᠠᠬᠢᠯᠭᠠᠨ ᠬᠦᠴᠦᠨ ᠤ ᠵᠠᠬ᠎ᠠ ᠳᠡᠯᠭᠡᠬᠦᠷ ᠤᠨ ᠨᠡᠩ ᠶᠡᠭᠡ | ᠬᠡᠪᠴᠢᠶᠡᠨ ᠤ ᠨᠡᠶᠢᠯᠡᠯ ᠢ ᠠᠬᠢᠭᠤᠯᠤᠨ᠎ᠠ᠃ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠦᠭᠡᠷᠡᠴᠢᠯᠡᠯᠲᠡ ᠶᠢ ᠬᠦᠨᠵᠡᠭᠡᠶᠢᠷᠡᠭᠦᠯᠦᠨ᠂ ᠰᠠᠯᠠᠭ᠎ᠠ ᠮᠦᠴᠢᠷ ᠤᠨ | ᠲᠦᠰᠦᠪ ᠤᠨ ᠦᠭᠡᠷᠡᠴᠢᠯᠡᠯᠲᠡ ᠶᠢ ᠲᠦᠯᠬᠢᠨ ᠠᠬᠢᠭᠤᠯᠵᠤ᠂ ᠪᠦᠬᠦ ᠰᠢᠰᠲ᠋ᠧᠮ ᠤᠨ ᠵᠠᠰᠠᠭ ᠤᠨ ᠤᠷᠳᠤᠨ ᠤ ᠲᠦᠰᠦᠪ ᠤᠨ ᠰᠢᠰᠲ᠋ᠧᠮᠵᠢ ᠶᠢ ᠪᠠᠶᠢᠭᠤᠯᠤᠨ᠎ᠠ᠃ | ᠵᠠᠰᠠᠭ ᠤᠨ ᠤᠷᠳᠤᠨ ᠤ ᠬᠤᠭᠤᠷᠤᠨᠳᠤᠬᠢ ᠠᠵᠢᠯ ᠤᠨ ᠡᠷᠬᠡ ᠪᠤᠯᠤᠨ ᠵᠠᠷᠤᠯᠭ᠎ᠠ ᠶᠢᠨ ᠬᠠᠷᠢᠭᠤᠴᠠᠯᠭ᠎ᠠ ᠶᠢ ᠵᠦᠢ ᠵᠤᠬᠢᠰᠲᠠᠢ ᠬᠤᠪᠢᠶᠠᠷᠢᠯᠡᠵᠤ᠂ ᠰᠢᠯᠵᠢᠭᠦᠯᠦᠨ ᠦᠭᠬᠦ | ᠳᠦᠷᠢᠮ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠬᠤᠰᠢᠭᠤ ᠰᠢᠶᠠᠨ ᠤ ᠱᠠᠲᠤᠨ ᠤ ᠦᠨᠳᠦᠰᠦᠨ ᠡᠳ᠋ ᠤᠨ ᠬᠦᠴᠦᠨ ᠢ ᠪᠠᠲᠤᠯᠠᠬᠤ ᠲᠤᠭᠲᠠᠴᠠ ᠶᠢ | ᠲᠡᠭᠦᠯᠳᠡᠷᠵᠢᠭᠦᠯᠦᠨ᠎ᠡ ᠃ ᠤᠯᠤᠰ ᠤᠨ ᠱᠠᠭᠠᠷᠳᠠᠯᠭ᠎ᠠ ᠶᠤᠰᠤᠭᠠᠷ᠂ ᠡᠵᠡᠩᠨᠡᠯᠲᠡ ᠶᠢᠨ ᠭᠠᠶᠢᠯᠢ ᠶᠢ ᠦᠷᠲᠡᠭ ᠨᠡᠮᠡᠭᠳᠡᠯ ᠤᠨ ᠭᠠᠶᠢᠯᠢ ᠪᠤᠯᠭᠠᠨ ᠲᠠᠲᠠᠪᠤᠷᠢᠯᠠᠬᠤ ᠵᠡᠷᠭᠡ | ᠭᠠᠶᠢᠯᠢ ᠶᠢᠨ ᠳᠦᠷᠢᠮ ᠤᠨ ᠦᠭᠡᠷᠡᠴᠢᠯᠡᠯᠲᠡ ᠶᠢ ᠤᠯᠠᠮ ᠨᠢᠭᠡ ᠠᠯᠬᠤᠮ ᠲᠦᠷᠦᠯ ᠬᠤᠪᠢᠶᠠᠨ ᠲᠦᠯᠬᠢᠨ ᠠᠬᠢᠭᠤᠯᠤᠨ᠎ᠠ᠃ ᠵᠠᠰᠠᠭ ᠤᠨ ᠤᠷᠳᠤᠨ ᠤ ᠴᠢᠨᠠᠷᠲᠠᠢ ᠦᠷᠢ | ᠦᠭᠴᠡᠭᠡ ᠶᠢᠨ ᠬᠠᠮᠢᠶᠠᠷᠤᠯᠲᠠ ᠶᠢᠨ ᠳᠦᠷᠢᠮ ᠢ ᠲᠤᠭᠲᠠᠭᠠᠵᠤ᠂ ᠵᠠᠰᠠᠭ ᠤᠨ ᠤᠷᠳᠤᠨ ᠤ ᠦᠷᠢ ᠦᠭᠴᠡᠭᠡ ᠵᠢᠭᠡᠯᠡᠬᠦ ᠡᠷᠭᠡ ᠮᠡᠳᠡᠯ ᠪᠠ ᠬᠡᠪᠴᠢᠶ᠎ᠡ ᠶᠢ ᠵᠢᠷᠤᠮᠵᠢᠭᠤᠯᠵᠤ᠂ | ᠦᠯᠡᠳᠡᠬᠡᠯ ᠦᠷᠢ ᠦᠭᠴᠡᠭᠡ ᠶᠢ ᠠᠯᠬᠤᠮ ᠠᠯᠬᠤᠮ ᠢᠶᠠᠷ ᠰᠢᠢᠳᠪᠦᠷᠢᠯᠡᠨ᠂ ᠰᠢᠨ᠎ᠡ ᠪᠠᠷ ᠨᠡᠮᠡᠭᠳᠡᠬᠦ ᠦᠷᠢ ᠦᠭᠴᠡᠭᠡ ᠶᠢ ᠴᠢᠩᠭ᠎ᠠ ᠬᠢᠵᠠᠭᠠᠷᠯᠠᠨ ᠡᠵᠡᠮᠳᠡᠨ᠎ᠡ᠃ ᠡᠬᠢ | ᠪᠠᠶᠠᠯᠢᠭ ᠤᠨ ᠴᠢᠨᠠᠷᠲᠠᠢ ᠦᠢᠯᠡᠳᠭᠦᠨ ᠤ ᠦᠨ᠎ᠡ ᠬᠠᠨᠭ᠍ᠰᠢ ᠶᠢᠨ ᠦᠭᠡᠷᠡᠴᠢᠯᠡᠯᠲᠡ ᠶᠢ ᠲᠦᠯᠬᠢᠨ ᠠᠬᠢᠭᠤᠯᠵᠤ᠂ ᠤᠯᠤᠰ ᠤᠨ ᠨᠡᠭᠦᠷᠡᠰᠦ ᠵᠡᠷᠭᠡ ᠡᠬᠢ ᠪᠠᠶᠠᠯᠢᠭ ᠤᠨ | ᠭᠠᠶᠢᠯᠢ ᠶᠢ ᠦᠨ᠎ᠡ ᠪᠠᠷ ᠪᠤᠳᠤᠵᠤ ᠲᠠᠲᠠᠪᠤᠷᠢᠯᠠᠬᠤ ᠦᠭᠡᠷᠡᠴᠢᠯᠡᠯᠲᠡ ᠶᠢ ᠨᠠᠶᠢᠳᠠᠪᠤᠷᠢᠵᠢᠭᠤᠯᠤᠨ᠂ ᠰᠠᠭᠤᠭᠠᠯᠢ ᠠᠷᠠᠳ ᠤᠨ ᠤᠰᠤ᠂ ᠴᠠᠬᠢᠯᠭᠠᠨ᠂ ᠬᠡᠢ ᠵᠡᠷᠭᠡ ᠱᠠᠲᠤᠯᠢᠭ | ᠦᠨ᠎ᠡ ᠬᠠᠨᠭ᠍ᠰᠢ ᠶᠢᠨ ᠳᠦᠷᠢᠮ ᠢ ᠲᠡᠭᠦᠯᠳᠡᠷᠵᠢᠭᠦᠯᠵᠤ᠂ ᠵᠠᠰᠠᠭ ᠵᠠᠬᠢᠷᠭᠠᠨ ᠤ ᠤᠷᠤᠨ ᠪᠦᠰᠡ ᠠᠯᠤᠰᠯᠠᠭᠰᠠᠨ ᠤᠰᠤ ᠲᠠᠲᠠᠬᠤ ᠬᠦᠢᠴᠡᠳᠬᠡᠬᠦ ᠲᠤᠭ᠎ᠠ ᠶᠢᠨ | ᠠᠷᠠᠯᠵᠢᠶᠠᠯᠠᠭ᠎ᠠ ᠶᠢ ᠠᠬᠢᠭᠤᠯᠵᠤ᠂ ᠭᠤᠤᠯ ᠪᠤᠯᠬᠤ ᠪᠤᠬᠢᠷ ᠪᠤᠳᠠᠰ ᠭᠠᠳᠠᠭᠰᠢᠯᠠᠭᠤᠯᠬᠤ ᠰᠦᠢᠳᠬᠡᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ | ᠨᠡᠬᠡᠬᠡᠯᠲᠡᠲᠤ ᠠᠵᠤ ᠠᠬᠤᠢ ᠶᠢᠨ ᠬᠦᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠤᠯᠤᠰ ᠤᠨ ᠳᠤᠲᠤᠭᠠᠲᠤ ᠬᠠᠭᠤᠷᠠᠢ ᠶᠢᠨ ᠬᠢᠯᠢ ᠳᠠᠭᠠᠤ ᠶᠢᠨ | ᠨᠡᠬᠡᠬᠡᠯᠲᠡ ᠶᠢ ᠦᠷᠭᠡᠳᠬᠡᠬᠦ ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯ ᠢ ᠵᠠᠪᠳᠤᠨ᠂ ᠤᠮᠠᠷᠠᠰᠢ ᠨᠡᠬᠡᠬᠡᠯᠲᠡ ᠬᠢᠬᠦ ᠴᠢᠬᠤᠯᠠ ᠬᠦᠬᠦᠷᠬᠡᠨ ᠪᠠᠬᠢᠯᠡᠯᠲᠡ ᠪᠤᠯᠤᠨ | ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠬᠢᠯᠢ ᠳᠠᠭᠠᠤ ᠶᠢᠨ ᠠᠵᠤ ᠠᠬᠤᠢ ᠶᠢᠨ ᠪᠦᠰᠡ ᠶᠢ ᠲᠦᠷᠭᠡᠳᠬᠡᠨ ᠪᠠᠶᠢᠭᠤᠯᠵᠤ᠂ ᠨᠡᠭᠡᠭᠡᠯᠲᠡ ᠬᠢᠵᠤ ᠬᠦᠭᠵᠢᠭᠦᠯᠬᠦ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠪᠤᠭᠤᠮᠲᠠ ᠶᠢᠨ ᠠᠵᠤ ᠠᠬᠤᠢ ᠶᠢ ᠶᠡᠬᠡᠪᠡᠷ ᠬᠦᠭᠵᠢᠭᠦᠯᠦᠨ᠂ ᠮᠠᠨᠵᠤᠤᠷ ᠤᠨ ᠤᠯᠤᠰ ᠤᠨ ᠭᠤᠤᠯᠳᠠᠯᠭ᠎ᠠ ᠲᠠᠢ ᠨᠡᠭᠡᠭᠡᠨ 365赢多少钱会被限额_国内有真正的365平台吗_365bet博彩官网 | ᠬᠦᠭᠵᠢᠭᠦᠯᠵᠤ ᠨᠡᠭᠡᠭᠡᠯᠲᠡ ᠬᠢᠬᠦ ᠲᠤᠷᠰᠢᠯᠲᠠ ᠶᠢᠨ ᠤᠷᠤᠨ ᠪᠤᠯᠤᠨ ᠬᠦᠯᠦᠨ ᠪᠤᠶᠢᠷ ᠤᠨ ᠲᠤᠮᠳᠠᠲᠤ ᠤᠷᠤᠰ ᠮᠤᠩᠭᠤᠯ ᠤᠯᠤᠰ ᠤᠨ ᠬᠤᠷᠰᠢᠯᠴᠠᠬᠤ ᠬᠤᠰᠢᠭᠤᠴᠢ | ᠤᠷᠤᠨ ᠢ ᠲᠦᠯᠦᠪᠵᠢᠭᠦᠯᠵᠤ ᠪᠦᠲᠦᠭᠡᠨ ᠪᠠᠶᠢᠭᠤᠯᠬᠤ ᠶᠢ ᠲᠦᠷᠭᠡᠳᠭᠡᠨ ᠠᠬᠢᠭᠤᠯᠵᠤ᠂ ᠤᠯᠤᠰ ᠠᠴᠠ ᠡᠷᠢᠶᠡᠨ ᠬᠤᠲᠠ ᠶᠢᠨ ᠤᠯᠤᠰ ᠤᠨ ᠭᠤᠤᠯᠳᠠᠯᠭ᠎ᠠ ᠲᠠᠢ ᠨᠡᠭᠡᠭᠡᠨ | ᠬᠦᠭᠵᠢᠭᠦᠯᠵᠤ ᠨᠡᠭᠡᠭᠡᠯᠲᠡ ᠬᠢᠬᠦ ᠲᠤᠷᠰᠢᠯᠲᠠ ᠶᠢᠨ ᠤᠷᠤᠨ ᠤ ᠲᠦᠰᠦᠯ ᠢ ᠵᠦᠪᠰᠢᠶᠡᠷᠡᠨ ᠬᠡᠷᠡᠭᠵᠢᠬᠦᠯᠬᠦ ᠶᠢ ᠢᠳᠡᠪᠬᠢᠯᠡᠨ ᠤᠯᠵᠤ᠂ ᠬᠢᠯᠢ ᠶᠢᠨ ᠴᠢᠯᠦᠭᠡᠲᠤ | ᠠᠷᠠᠯᠵᠢᠶᠠᠨ ᠤ ᠤᠷᠤᠨ ᠪᠤᠯᠤᠨ ᠬᠢᠯᠢ ᠠᠯᠤᠰᠯᠠᠭᠰᠠᠨ ᠠᠵᠤ ᠠᠬᠤᠢ ᠶᠢᠨ ᠬᠤᠷᠰᠢᠯᠴᠠᠬᠤ ᠤᠷᠤᠨ ᠢ ᠰᠦᠪᠡᠭᠴᠢᠯᠡᠨ ᠪᠠᠶᠢᠭᠤᠯᠵᠤ᠂ ᠮᠠᠨᠵᠤᠤᠷ᠂ ᠡᠷᠢᠶᠡᠨ ᠬᠤᠲᠠ ᠶᠢ | ᠴᠢᠯᠦᠭᠡᠲᠤ ᠠᠷᠠᠯᠵᠢᠶᠠᠨ ᠤ ᠤᠷᠤᠨ ︵ᠬᠦᠷᠢᠶᠡᠯᠡᠩ︶ ᠢᠶᠠᠷ ᠮᠡᠳᠡᠬᠦᠯᠵᠤ ᠪᠠᠶᠢᠭᠤᠯᠬᠤ ᠠᠵᠢᠯ ᠢ ᠲᠦᠷᠭᠡᠭᠡᠨ ᠡᠬᠢᠯᠡᠬᠦᠯᠦᠨ᠎ᠡ᠃ ᠤᠷᠤᠰ ᠮᠤᠩᠭᠤᠯ ᠯᠤᠭ᠎ᠠ ᠶᠢᠨ | ᠡᠳ᠋ᠰᠢᠬᠦᠯᠬᠡ ᠶᠢᠨ ᠠᠷᠠᠯᠵᠢᠶ᠎ᠠ᠂ ᠡᠬᠢ ᠪᠠᠶᠠᠯᠢᠭ ᠨᠡᠬᠡᠬᠡᠭᠦ᠂ ᠰᠤᠶᠤᠯ ᠰᠤᠷᠭᠠᠨ ᠬᠦᠮᠦᠵᠢᠯ ᠵᠡᠷᠭᠡ ᠬᠦᠷᠢᠶᠡᠨ ᠤ ᠬᠤᠷᠰᠢᠯᠴᠠᠬᠤ ᠲᠤᠭᠲᠠᠴᠠ ᠶᠢ ᠲᠡᠭᠦᠯᠲᠡᠷᠵᠢᠭᠦᠯᠦᠨ᠂ | ᠬᠢᠯᠢ ᠪᠠᠷ ᠦᠡᠭᠭᠡᠷᠡᠭᠦᠯᠬᠦ ᠸᠢᠰᠠᠯᠠᠬᠤ ᠭᠠᠷᠳᠠᠮ ᠢ ᠳᠦᠭᠦᠮᠴᠢᠯᠡᠨ᠎ᠡ᠃ ᠡᠷᠬᠢᠨ ᠲᠤᠭᠤᠷᠢᠨ ᠤ ᠮᠤᠵᠢ ᠤᠷᠤᠨ ᠬᠤᠲᠠ ᠯᠤᠭ᠎ᠠ ᠶᠢᠨ ᠠᠵᠤ ᠠᠬᠤᠢ ᠶᠢᠨ ᠬᠠᠮᠵᠢᠯᠴᠠᠭ᠎ᠠ ᠶᠢ | ᠤᠯᠠᠮ ᠨᠢᠭᠡ ᠠᠯᠬᠤᠮ ᠴᠢᠩᠭᠠᠳᠬᠠᠨ᠂ ᠳᠠᠯᠠᠢ ᠳᠠᠭᠠᠤ ᠶᠢᠨ ᠪᠠ ᠳᠤᠲᠤᠭᠠᠲᠤ ᠬᠠᠭᠤᠷᠠᠢ ᠶᠢᠨ ᠭᠠᠵᠠᠷ ᠤᠷᠤᠨ ᠯᠤᠭ᠎ᠠ ᠶᠢᠨ ᠬᠦᠨᠳᠡᠯᠡᠨ ᠬᠤᠯᠪᠤᠭᠠᠯᠠᠯ ᠢ ᠲᠦᠯᠬᠢᠨ | ᠠᠬᠢᠭᠤᠯᠵᠤ᠂ ᠰᠢᠶᠠᠩᠭᠠᠡᠭ ᠤᠤᠮᠸᠠ ᠲᠠᠶᠢᠸᠠᠨ ᠤᠷᠤᠨ ᠯᠤᠭ᠎ᠠ ᠶᠢᠨ ᠠᠵᠤ ᠠᠬᠤᠢ ᠠᠷᠠᠯᠵᠢᠶᠠᠨ ᠤ ᠬᠤᠷᠰᠢᠯᠴᠠᠭ᠎ᠠ ᠶᠢ ᠬᠦᠨᠵᠡᠬᠡᠶᠢᠷᠡᠭᠦᠯᠦᠨ᠂ ᠪᠡᠭᠡᠵᠢᠩ ᠦᠪᠦᠷ | ᠮᠤᠩᠭᠤᠯ ᠤᠨ ᠤᠷᠤᠨ ᠪᠦᠰᠡ ᠶᠢᠨ ᠬᠤᠷᠰᠢᠯᠴᠠᠬᠤ ᠲᠤᠭᠲᠠᠴᠠ ᠶᠢᠨ ᠰᠢᠨ᠎ᠡ ᠶᠢ ᠡᠭᠦᠳᠴᠤ᠂ ᠪᠦᠸᠧᠬᠠᠢ ᠲᠠᠩᠬᠢᠰ ᠤᠨ ᠡᠷᠬᠢᠨ ᠲᠤᠭᠤᠷᠢᠨ ᠤ ᠠᠵᠤ ᠠᠬᠤᠢ ᠶᠢᠨ | ᠬᠦᠷᠢᠶ᠎ᠡ ᠳᠤ ᠰᠠᠨᠠᠭᠠᠴᠢᠯᠠᠭ᠎ᠠ ᠠᠴᠠ ᠪᠠᠨ ᠨᠡᠶᠢᠯᠡᠨ ᠤᠷᠤᠵᠤ᠂ ᠮᠠᠨ ᠤ ᠤᠷᠤᠨ ᠤ ᠠᠵᠤ ᠠᠬᠤᠢ ᠪᠠᠨ ᠪᠦᠬᠦ ᠤᠯᠤᠰ ᠤᠨ ᠬᠦᠭᠵᠢᠯᠲᠡ ᠶᠢᠨ ᠶᠡᠭᠡ ᠲᠠᠯ᠎ᠠ ᠳᠤ ᠬᠦᠨᠵᠡᠭᠡᠢ | ᠠᠭᠤᠰᠤᠯᠴᠠᠭᠤᠯᠬᠤ ᠶᠢ ᠲᠦᠯᠬᠢᠨ ᠠᠬᠢᠭᠤᠯᠤᠨ᠎ᠠ᠃ | ︵ᠲᠠᠪᠤ︶ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠬᠤ ᠪᠠ ᠰᠠᠶᠢᠵᠢᠷᠠᠭᠤᠯᠵᠤ᠂ ᠠᠷᠠᠳ ᠤᠯᠠᠨ ᠤ ᠠᠮᠢᠳᠤᠷᠠᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | | ᠠᠵᠤ ᠦᠢᠯᠡᠰ ᠴᠤᠭᠴᠠᠯᠠᠬᠤ ᠪᠠᠷ ᠠᠵᠢᠯ ᠤᠯᠭᠤᠬᠤ ᠢᠨᠵᠧᠨᠧᠷᠢᠩ ᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ᠠᠵᠢᠯ ᠤᠯᠭᠤᠬᠤ ᠨᠡᠩ ᠢᠳᠡᠪᠬᠢᠲᠠᠢ | ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠤ᠂ ᠬᠤᠲᠠ ᠪᠠᠯᠭᠠᠰᠤᠨ ᠳᠤ ᠠᠵᠢᠯ ᠤᠯᠭᠤᠭᠰᠠᠨ ᠬᠦᠮᠦᠰ ᠢ 25 ᠲᠦᠮᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠶᠢ | ᠦᠨᠡᠨᠬᠦ ᠪᠠᠲᠤᠯᠠᠨ᠎ᠠ᠃ ᠬᠦᠳᠡᠯᠮᠦᠷᠢ ᠨᠢᠭᠲᠠᠷᠠᠭᠰᠠᠨ ᠬᠡᠯᠪᠡᠷᠢ ᠶᠢᠨ ᠠᠵᠤ ᠦᠢᠯᠡᠰ᠂ ᠦᠢᠯᠡᠴᠢᠯᠡᠭᠡᠨ ᠤ ᠦᠢᠯᠡᠰ ᠪᠤᠯᠤᠨ ᠨᠡᠶᠢᠲᠡ ᠶᠢᠨ ᠦᠮᠴᠢᠯᠡᠯ ᠤᠨ ᠪᠤᠰᠤ ᠠᠵᠤ | ᠠᠬᠤᠢ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠢ ᠶᠡᠬᠡᠪᠡᠷ ᠬᠦᠭᠵᠢᠭᠦᠯᠦᠨ᠂ ᠵᠠᠰᠠᠭ ᠤᠨ ᠤᠷᠳᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ | ᠬᠤᠳᠠᠯᠳᠤᠨ ᠠᠪᠬᠤ ᠶᠢ ᠤᠯᠠᠮ ᠨᠢᠭᠡ ᠠᠯᠬᠤᠮ ᠨᠡᠮᠡᠭᠳᠡᠭᠦᠯᠦᠨ᠂ ᠤᠯᠠᠨ ᠨᠡᠶᠢᠲᠡ ᠶᠢᠨ ᠳᠠᠳᠤᠯᠭ᠎ᠠ ᠪᠤᠯᠪᠠᠰᠤᠷᠠᠭᠤᠯᠤᠯ ᠤᠨ ᠰᠠᠭᠤᠷᠢᠨ ᠭᠠᠵᠠᠷ ᠪᠤᠯᠤᠨ ᠤᠶᠤᠲᠠᠳ ᠤᠨ | ᠠᠲᠠᠯ ᠦᠢᠯᠡᠰ ᠴᠤᠭᠴᠠᠯᠠᠬᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠭᠤᠯᠢ ᠠᠵᠤ ᠠᠬᠤᠶᠢᠯᠡᠯ ᠬᠤᠷᠰᠢᠯᠴᠠᠨ ᠮᠡᠷᠭᠡᠵᠢᠯ ᠤᠨ | ᠴᠢᠳᠠᠪᠤᠷᠢ ᠶᠢᠨ ᠪᠤᠯᠪᠠᠰᠤᠷᠠᠭᠤᠯᠤᠯ ᠦᠷᠨᠢᠭᠦᠯᠬᠦ᠂ ᠠᠵᠢᠯ ᠲᠠᠨᠢᠯᠴᠠᠭᠤᠯᠬᠤ᠂ ᠠᠵᠢᠯ ᠤᠯᠭᠤᠬᠤ ᠦᠢᠯᠡᠴᠢᠯᠡᠭᠡ ᠬᠢᠬᠦ᠂ ᠬᠦᠳᠡᠯᠮᠦᠷᠢ ᠬᠦᠴᠦ ᠶᠢ ᠭᠠᠳᠠᠭᠰᠢ ᠬᠦᠷᠭᠡᠬᠦ ᠶᠢ | ᠨᠢᠭᠡ ᠴᠤᠭᠴᠠᠵᠢᠭᠤᠯᠤᠭᠰᠠᠨ ᠠᠵᠢᠯᠯᠠᠭᠠᠨ ᠤ ᠬᠡᠯᠪᠡᠷᠢ ᠮᠠᠶ᠋ᠢᠭ ᠢ ᠰᠦᠪᠡᠭᠴᠢᠯᠡᠨ ᠪᠠᠶᠢᠭᠤᠯᠵᠤ᠂ ᠳᠡᠭᠡᠲᠤ ᠰᠤᠷᠭᠠᠭᠤᠯᠢ ᠲᠡᠭᠦᠰᠦᠭᠰᠡᠳ ᠢᠯᠠᠩᠭᠤᠶ᠎ᠠ ᠶᠠᠳᠠᠭᠤ | ᠬᠦᠴᠢᠷᠳᠡᠯᠲᠠᠢ ᠬᠡᠷ ᠪᠦᠯᠢ ᠪᠤᠯᠤᠨ ᠮᠤᠩᠭᠤᠯ ᠬᠡᠯᠡ ᠪᠠᠷ ᠬᠢᠴᠢᠶᠡᠯᠯᠡᠭᠡᠳ ᠲᠡᠭᠦᠰᠦᠭᠰᠡᠳ ᠲᠤ ᠠᠵᠢᠯ ᠤᠯᠭᠤᠬᠤ ᠶᠢ ᠠᠬᠢᠭᠤᠯᠤᠨ᠂ ᠲᠠᠷᠢᠶᠠᠴᠢᠨ ᠮᠠᠯᠴᠢᠨ ᠬᠦᠴᠦ | ᠶᠠᠪᠤᠭᠰᠠᠳ᠂ ᠬᠤᠲᠠ ᠪᠠᠯᠭᠠᠰᠤ ᠶᠢᠨ ᠠᠵᠢᠯ ᠤᠯᠬᠤ ᠳᠤ ᠬᠦᠴᠢᠷᠲᠠᠢ ᠬᠦᠮᠦᠰ ᠪᠤᠯᠤᠨ ᠴᠡᠷᠢᠭ ᠤᠨ ᠠᠯᠪᠠᠨ ᠠᠴᠠ ᠪᠠᠭᠤᠭᠰᠠᠳ ᠲᠤ ᠠᠵᠢᠯ ᠤᠯᠭᠤᠬᠤ ᠶᠢ | ᠨᠢᠭᠡᠳᠤᠯᠲᠠᠢ ᠲᠦᠯᠦᠪᠯᠡᠨ ᠰᠠᠶᠢᠲᠤᠷ ᠬᠢᠨ᠎ᠡ᠃ ᠪᠡᠶ᠎ᠡ ᠪᠠᠨ ᠳᠠᠭᠠᠭᠠᠵᠤ ᠠᠲᠠᠯ ᠦᠢᠯᠡᠰ ᠴᠤᠭᠴᠠᠯᠠᠬᠤ ᠶᠢ ᠢᠳᠡᠪᠬᠢᠲᠠᠢ ᠪᠠᠷ ᠵᠤᠷᠢᠭᠵᠢᠭᠤᠯᠤᠨ ᠳᠠᠮᠵᠢᠵᠤ᠂ ᠬᠠᠮᠢᠶ᠎ᠡ | ᠪᠦᠬᠦᠢ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠠᠳᠠᠯ ᠦᠢᠯᠡᠰ ᠴᠤᠭᠴᠠᠯᠠᠬᠤ ᠶᠢᠨ ᠬᠤᠷᠢᠭ᠎ᠠ ᠴᠠᠭᠠᠵᠠ ᠶᠢ ᠳᠤᠷᠤᠭᠰᠢᠯᠠᠭᠤᠯᠤᠨ᠂ | ᠠᠲᠠᠯ ᠦᠢᠯᠡᠰ ᠴᠤᠭᠴᠠᠯᠠᠬᠤ ᠳᠠᠬᠢ ᠦᠢᠯᠡᠴᠢᠯᠡᠭᠡᠨ ᠤ ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠵᠤ᠂ ᠠᠲᠠᠯ ᠦᠢᠯᠡᠰ ᠴᠤᠭᠴᠠᠯᠠᠬᠤ ᠪᠠᠷ ᠠᠵᠢᠯ ᠤᠯᠭᠤᠯᠲᠠ ᠶᠢ | ᠳᠠᠶᠢᠴᠢᠯᠠᠬᠤ ᠶᠢᠨ ᠳᠠᠬᠢᠨ ᠢᠶᠠᠷ ᠨᠡᠮᠡᠭᠳᠡᠬᠦᠯᠬᠦ ᠦᠢᠯᠡᠳᠦᠯ ᠢ ᠪᠠᠳᠠᠷᠠᠭᠤᠯᠵᠤ᠂ ᠵᠠᠰᠠᠭ ᠤᠨ ᠤᠷᠳᠤᠨ ᠠᠴᠠ ᠠᠲᠠᠯ ᠦᠢᠯᠡᠰ ᠴᠤᠭᠴᠠᠯᠠᠬᠤ ᠶᠢ ᠵᠤᠷᠢᠭᠵᠢᠭᠤᠯᠬᠤ᠂ | ᠨᠡᠶᠢᠭᠡᠮ ᠠᠴᠠ ᠠᠲᠠᠯ ᠦᠢᠯᠡᠰ ᠴᠤᠭᠴᠠᠯᠠᠬᠤ ᠶᠢ ᠳᠡᠮᠵᠢᠬᠦ᠂ ᠬᠦᠳᠡᠯᠮᠦᠷᠢᠯᠡᠭᠴᠢᠳ ᠵᠤᠷᠢᠭᠲᠠᠢ ᠪᠠᠷ ᠠᠲᠠᠯ ᠦᠢᠯᠡᠰ ᠴᠤᠭᠴᠠᠯᠠᠬᠤ ᠰᠢᠨ᠎ᠡ ᠲᠤᠭᠲᠠᠴᠠ ᠶᠢ ᠪᠤᠢ ᠪᠤᠯᠭᠠᠨ᠎ᠠ | ᠃ | ᠤᠷᠤᠯᠭ᠎ᠠ ᠶᠢᠨ ᠬᠤᠪᠢᠶᠠᠷᠢᠯᠡᠯᠲᠠ ᠶᠢᠨ ᠳᠦᠷᠢᠮ ᠤᠨ ᠦᠭᠡᠷᠡᠴᠢᠯᠡᠯᠲᠡ ᠶᠢ ᠬᠦᠨᠵᠡᠭᠡᠶᠢᠷᠡᠭᠦᠯᠦᠨ᠎ᠡ᠃ ᠴᠠᠯᠢᠩ ᠢᠶᠠᠷ ᠰᠢᠢᠳᠪᠦᠷᠢᠯᠡᠬᠦ ᠬᠢᠬᠡᠳ ᠬᠡᠪ ᠤᠨ ᠶᠤᠰᠤᠭᠠᠷ | ᠨᠡᠮᠡᠭᠳᠡᠭᠦᠯᠬᠦ ᠲᠤᠭᠲᠠᠴᠠ ᠶᠢ ᠪᠦᠷᠢᠨᠰᠢᠭᠦᠯᠦᠨ᠂ ᠴᠠᠯᠢᠩ ᠦᠭᠬᠦ ᠪᠠᠲᠤᠯᠠᠭ᠎ᠠ᠂ ᠨᠠᠭᠠᠲᠤ ᠵᠠᠬ᠎ᠠ ᠶᠢᠨ ᠴᠠᠯᠢᠩ ᠪᠤᠯᠤᠨ ᠠᠵᠤ ᠠᠬᠤᠶᠢᠯᠠᠯ ᠤᠨ ᠴᠠᠯᠢᠩ ᠢ ᠬᠠᠮᠲᠤᠪᠠᠷ | ᠵᠦᠪᠳᠡᠯᠴᠡᠬᠦ ᠳᠦᠷᠢᠮ ᠢ ᠲᠡᠭᠦᠯᠳᠡᠷᠵᠢᠭᠦᠯᠦᠨ᠂ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠴᠠᠯᠢᠩ ᠪᠤᠯᠤᠨ ᠨᠡᠮᠡᠭᠦᠷᠢ ᠨᠦᠬᠦᠪᠦᠷᠢ ᠶᠢᠨ ᠳᠦᠷᠢᠮ ᠤᠨ | ᠦᠭᠡᠷᠡᠴᠢᠯᠡᠯᠲᠠ ᠶᠢ ᠬᠦᠨᠵᠡᠭᠡᠶᠢᠷᠡᠬᠦᠯᠵᠤ᠂ ᠳᠠᠬᠢᠨ ᠬᠤᠪᠢᠶᠠᠷᠢᠯᠡᠬᠤ ᠶᠢᠨ ᠲᠤᠬᠢᠷᠠᠭᠤᠯᠬᠤ ᠲᠤᠭᠲᠠᠴᠠ ᠶᠢ ᠲᠡᠭᠦᠯᠳᠡᠷᠵᠢᠭᠦᠯᠦᠨ᠂ ᠤᠯᠠᠨ ᠨᠡᠶᠢᠲᠡ ᠶᠢᠨ ᠡᠬᠢ ᠪᠠᠶᠠᠯᠢᠭ ᠢ | ᠬᠢᠮᠳᠠ ᠪᠠᠷ ᠬᠤᠳᠠᠯᠳᠤᠭᠰᠠᠨ ᠤ ᠠᠰᠢᠭ ᠤᠯᠵᠠᠪᠤᠷᠢ ᠶᠢ ᠵᠦᠢ ᠵᠤᠬᠢᠰᠲᠠᠢ ᠪᠠᠷ ᠬᠠᠮᠲᠤᠪᠡᠷ ᠡᠳ᠋ᠯᠡᠬᠦ ᠶᠢ ᠠᠬᠢᠭᠤᠯᠤᠨ᠎ᠠ᠃ ᠲᠠᠷᠢᠶᠠᠴᠢᠨ ᠮᠠᠯᠴᠢᠳ ᠤᠨ ᠭᠠᠵᠠᠷ ᠰᠢᠷᠤᠢ᠂ | ᠤᠷᠤᠨ ᠰᠠᠭᠤᠴᠠ ᠶᠢᠨ ᠰᠠᠭᠤᠷᠢ ᠭᠠᠵᠠᠷ ᠪᠤᠯᠤᠨ ᠬᠠᠮᠲᠤ ᠶᠢᠨ ᠡᠳ᠋ ᠬᠦᠷᠦᠩᠭᠡ ᠶᠢᠨ ᠡᠷᠭᠡ ᠠᠰᠢᠭ ᠢ ᠬᠠᠤᠯᠢ ᠶᠤᠰᠤᠭᠠᠷ ᠪᠠᠲᠤᠯᠠᠨ᠂ ᠲᠠᠷᠢᠶᠠᠴᠢᠨ ᠮᠠᠯᠴᠢᠳ ᠤᠨ ᠡᠳ᠋ | ᠬᠦᠷᠦᠩᠭᠡ ᠶᠢᠨ ᠴᠢᠨᠠᠷᠲᠠᠢ ᠤᠷᠤᠯᠭ᠎ᠠ ᠶᠢ ᠨᠡᠮᠡᠭᠳᠡᠭᠦᠯᠦᠨ᠎ᠡ᠃ ᠲᠠᠷᠢᠶᠠᠴᠢᠨ ᠮᠠᠯᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠤ᠂ ᠠᠮᠤ ᠪᠤᠳᠠᠭ᠎ᠠ ᠬᠤᠳᠠᠯᠳᠤᠨ ᠠᠪᠬᠤ ᠨᠠᠭᠠᠲᠤ ᠵᠠᠬ᠎ᠠ ᠶᠢᠨ ᠦᠨ᠎ᠡ ᠪᠤᠯᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ | ᠠᠰᠢᠭ ᠰᠢᠮ᠎ᠡ ᠶᠢ ᠲᠦᠷ ᠬᠤᠳᠠᠯᠳᠤᠨ ᠠᠪᠴᠤ ᠬᠠᠳᠠᠭᠠᠯᠠᠬᠤ ᠳᠦᠷᠢᠮ ᠢ ᠦᠷᠭᠦᠯᠵᠢᠯᠡᠨ ᠬᠡᠷᠡᠭᠵᠢᠭᠦᠯᠵᠤ᠂ ᠲᠡᠷᠢᠶᠠᠴᠢᠨ ᠮᠠᠯᠴᠢᠳ ᠤᠨ ᠲᠦᠷᠦ ᠶᠢᠨ ᠪᠤᠳᠤᠯᠭ᠎ᠠ ᠶᠢᠨ | ᠴᠢᠨᠠᠷᠲᠠᠢ ᠤᠷᠤᠯᠭ᠎ᠠ ᠶᠢ ᠨᠡᠮᠡᠭᠳᠡᠭᠦᠯᠦᠨ᠎ᠡ᠃ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢ ᠲᠠᠰᠤᠷᠠᠯᠲᠠ ᠦᠭᠡᠢ ᠲᠡᠭᠦᠯᠳᠡᠷᠵᠢᠬᠦᠯᠦᠨ᠎ᠡ᠃ ᠠᠷᠠᠳ ᠢᠷᠭᠡᠳ ᠤᠨ ᠬᠢᠮᠳᠠ ᠤᠷᠤᠨ ᠰᠠᠭᠤᠴᠠ ᠶᠢᠨ | ᠢᠨᠵᠧᠨᠧᠷᠢᠩ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠬᠦᠷᠦᠩᠭᠡ ᠶᠢᠨ ᠡᠷᠭᠡ ᠶᠢ ᠬᠠᠮᠲᠤᠪᠡᠷ ᠦᠮᠴᠢᠯᠡᠬᠦ ᠶᠢ ᠰᠦᠪᠡᠭᠴᠢᠯᠡᠭᠰᠡᠨ ᠤᠷᠤᠨ ᠰᠠᠭᠤᠴᠠ ᠶᠢ | ᠬᠦᠭᠵᠢᠭᠦᠯᠵᠤ᠂ ᠪᠤᠭᠤᠲᠤ ᠶᠢᠨ ᠬᠤᠶᠢᠲᠤ ᠬᠢᠷ᠎ᠠ ᠵᠡᠷᠭᠡ ᠲᠦᠬᠦᠮ ᠪᠦᠳᠦᠭᠦᠯᠢᠭ ᠤᠷᠤᠨ ᠰᠠᠭᠤᠴᠠ ᠶᠢᠨ ᠲᠤᠭᠤᠷᠢᠭ ᠢ ᠰᠢᠨᠡᠳᠬᠡᠨ ᠵᠠᠰᠠᠬᠤ ᠲᠦᠷᠦᠯ ᠵᠦᠢᠯ ᠢ | ᠲᠦᠷᠭᠷᠳᠬᠡᠨ ᠠᠬᠢᠭᠤᠯᠵᠤ᠂ ᠬᠤᠲᠠ ᠪᠠᠯᠭᠠᠰᠤ ᠶᠢᠨ ᠪᠠᠲᠤᠯᠠᠭ᠎ᠠ ᠶᠢᠨ ᠴᠢᠨᠠᠷᠲᠠᠢ ᠤᠷᠤᠨ ᠰᠠᠭᠤᠴᠠ ᠶᠢ 24 ᠲᠦᠮᠡᠨ ᠢᠵᠢ ᠰᠢᠨ᠎ᠡ ᠪᠠᠷ ᠠᠵᠢᠯ ᠡᠬᠢᠯᠡᠨ ᠪᠦᠲᠦᠭᠡᠨ | ᠪᠠᠶᠢᠭᠤᠯᠵᠤ᠂ ᠲᠠᠷᠢᠶᠠᠯᠠᠬᠤ ᠮᠠᠯᠵᠢᠬᠤ ᠤᠷᠤᠨ ᠤ ᠨᠤᠷᠠᠬᠤ ᠠᠶᠤᠯᠲᠠᠢ ᠬᠡᠷ ᠪᠠᠶᠢᠰᠢᠩ ᠢ 13 ᠲᠦᠮᠡᠨ ᠡᠷᠦᠬᠡ ᠠᠴᠠ ᠳᠡᠭᠡᠭᠰᠢ ᠶᠢᠨ ᠬᠢ ᠶᠢ ᠰᠢᠨᠡᠳᠬᠡᠨ ᠵᠠᠰᠠᠬᠤ ᠶᠢ | ᠦᠨᠡᠨᠬᠦ ᠪᠠᠲᠤᠯᠠᠨ᠎ᠠ᠃ ᠦᠨᠳᠦᠰᠦᠨ ᠡᠮᠨᠡᠯᠭᠡ ᠶᠢᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠭᠡᠳᠬᠡᠨ᠂ ᠬᠤᠲᠠ ᠪᠠᠯᠭᠠᠰᠤ ᠶᠢᠨ ᠦᠨᠳᠦᠰᠦᠨ ᠡᠮᠨᠡᠯᠭᠡ ᠶᠢᠨ | ᠳᠠᠭᠠᠳᠬᠠᠯ ᠳᠤ ᠤᠷᠤᠯᠴᠠᠬᠤ ᠨᠤᠷᠮ᠎ᠠ᠂ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠡᠨ ᠡᠮᠨᠡᠯᠬᠡ ᠳᠤ ᠤᠷᠤᠯᠴᠠᠬᠤ ᠨᠤᠷᠮ᠎ᠠ ᠶᠢ 95% ᠠᠴᠠ ᠳᠡᠭᠡᠭᠰᠢ ᠳᠤ | ᠲᠤᠭᠲᠠᠭᠤᠨ ᠪᠠᠶᠢᠯᠭᠠᠵᠤ᠂ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠬᠡ ᠪᠤᠯᠤᠨ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠡᠮᠨᠡᠯᠭᠡ ᠶᠢᠨ | ᠳᠠᠭᠠᠳᠬᠠᠯ ᠤᠨ ᠵᠠᠰᠠᠭ ᠤᠨ ᠤᠷᠳᠤᠨ ᠠᠴᠠ ᠲᠤᠰᠠᠯᠠᠬᠤ ᠪᠠᠷᠢᠮᠵᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠤᠯᠤᠰ ᠤᠨ ᠨᠢᠭᠡᠳᠦᠯᠲᠠᠢ ᠪᠠᠶᠢᠷᠢᠯᠠᠭᠤᠯᠤᠯᠲᠠ | ᠶᠤᠰᠤᠭᠠᠷ᠂ ᠠᠵᠤ ᠠᠬᠤᠶᠢᠯᠠᠯ ᠤᠨ ᠠᠵᠢᠯ ᠠᠴᠠ ᠪᠠᠨ ᠪᠠᠭᠤᠭᠰᠠᠨ ᠬᠦᠮᠦᠰ ᠤᠨ ᠦᠨᠳᠦᠰᠦᠨ ᠨᠠᠰᠤᠵᠢᠯ ᠤᠨ ᠳᠠᠭᠠᠳᠬᠠᠯ ᠳᠤ ᠲᠤᠬᠢᠷᠠᠭᠤᠯᠤᠯᠲᠠ ᠬᠢᠬᠦ ᠠᠵᠢᠯ ᠢ | ᠰᠠᠶᠢᠲᠤᠷ ᠬᠢᠵᠤ᠂ ᠠᠵᠤ ᠠᠬᠤᠶᠢᠯᠠᠯ ᠤᠨ ᠠᠵᠢᠯᠲᠠᠨ ᠠᠵᠢᠯᠲᠠᠳ ᠤᠨ ᠦᠨᠳᠦᠰᠦᠨ ᠨᠠᠰᠤᠵᠢᠯ ᠤᠨ ᠳᠠᠭᠠᠳᠬᠠᠯ᠂ ᠬᠤᠲᠠ ᠪᠠᠯᠭᠠᠰᠤ ᠶᠢᠨ ᠦᠨᠳᠦᠰᠦᠨ ᠡᠮᠨᠡᠯᠭᠡ ᠶᠢᠨ | ᠳᠠᠭᠠᠳᠬᠠᠯ ᠤᠨ ᠬᠠᠷᠢᠴᠠᠭ᠎ᠠ ᠶᠢᠨ ᠰᠢᠯᠵᠢᠭᠦᠯᠦᠨ ᠦᠷᠭᠦᠯᠵᠢᠯᠡᠭᠦᠯᠭᠦ ᠠᠷᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠪᠦᠬᠦ ᠤᠷᠤᠨ ᠳᠤ ᠰᠠᠭᠠᠳ ᠦᠭᠡᠢ | ᠦᠷᠭᠦᠯᠵᠢᠯᠡᠭᠦᠯᠬᠦ ᠶᠢ ᠪᠡᠶᠡᠯᠡᠭᠦᠯᠦᠨ᠎ᠡ᠃ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠳᠦᠷᠢᠮ ᠢ ᠲᠡᠭᠦᠯᠳᠡᠷᠵᠢᠭᠦᠯᠦᠨ᠂ ᠬᠤᠲᠠ ᠬᠦᠳᠡᠭᠡ ᠶᠢᠨ ᠠᠮᠢᠳᠤᠷᠠᠯ ᠤᠨ ᠨᠠᠭᠠᠲᠤ | ᠵᠠᠬ᠎ᠠ ᠶᠢᠨ ᠪᠠᠲᠤᠯᠠᠭ᠎ᠠ᠂ ᠲᠠᠷᠢᠶᠠᠯᠠᠬᠤ ᠮᠠᠯᠵᠢᠬᠤ ᠤᠷᠤᠨ ᠤ ︽ᠲᠠᠪᠤᠨ ᠪᠠᠲᠤᠯᠠᠭ᠎ᠠ︾ ᠪᠤᠯᠤᠨ ᠬᠤᠲᠠ ᠬᠦᠳᠡᠭᠡ ᠶᠢᠨ ᠡᠮᠨᠡᠯᠭᠡ ᠶᠢᠨ ᠲᠡᠩᠭᠡᠷᠡᠬᠦᠯᠦᠨ ᠲᠤᠰᠠᠯᠠᠬᠤ ᠬᠢᠷᠢ | ᠬᠡᠮᠵᠢᠶ᠎ᠡ ᠶᠢ ᠲᠤᠭᠲᠠᠭᠤᠨ ᠢᠶᠠᠷ ᠳᠡᠭᠡᠭᠰᠢᠯᠡᠬᠦᠯᠵᠤ᠂ ᠦᠨᠦᠴᠢᠨ ᠬᠡᠤᠭᠡᠳ᠂ ︽ᠭᠤᠷᠪᠠ ᠦᠭᠡᠢ︾ ᠬᠦᠮᠦᠰ ᠪᠤᠯᠤᠨ ︽ᠭᠤᠷᠪᠠᠨ ᠵᠦᠢᠯ ᠤᠨ ᠠᠷᠠᠳ︾ ᠢ ᠠᠰᠠᠷᠠᠬᠤ | ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ | ᠶᠠᠳᠠᠭᠤ ᠶᠢ ᠲᠡᠳᠭᠦᠬᠦ ᠪᠠᠬᠢᠯᠡᠯᠲᠡ ᠲᠠᠭᠠᠷᠢᠬᠤ ᠢᠨᠵᠧᠨᠧᠷᠢᠩ ᠢ ᠶᠡᠬᠡᠪᠡᠷ ᠲᠦᠯᠬᠢᠨ ᠠᠬᠢᠭᠤᠯᠤᠨ᠎ᠠ᠃ ᠶᠠᠳᠠᠭᠤ ᠶᠢ ᠲᠡᠳᠭᠦᠬᠦ ᠨᠡᠭᠡᠭᠡᠨ ᠬᠦᠭᠵᠢᠭᠦᠯᠬᠦ ᠠᠵᠢᠯ ᠤᠨ | ᠲᠤᠭᠲᠠᠴᠠ ᠶᠢ ᠰᠢᠨ᠎ᠡ ᠪᠠᠷ ᠡᠭᠦᠳᠴᠤ᠂ ᠶᠠᠳᠠᠭᠤ ᠶᠢ ᠲᠡᠳᠭᠦᠬᠦ ᠤᠷᠤᠭᠤᠯᠤᠯᠲᠠ ᠶᠢᠨ ᠡᠷᠴᠢᠮ ᠢ ᠨᠡᠮᠡᠭᠳᠡᠭᠦᠯᠦᠨ᠂ ᠵᠠᠯᠭᠠᠯᠳᠤᠭᠰᠠᠨ ᠬᠡᠰᠡᠭ ᠢᠶᠠᠷ ᠨᠡᠭᠡᠭᠡᠨ ᠬᠦᠭᠵᠢᠭᠦᠯᠬᠦ | ᠂ ᠪᠦᠬᠦᠶᠢᠯᠡ ᠲᠤᠰᠬᠤᠨ ᠢᠶᠠᠷ ᠲᠦᠯᠬᠢᠨ ᠠᠬᠢᠭᠤᠯᠬᠤ᠂ ᠶᠠᠳᠠᠭᠤ ᠶᠢ ᠲᠡᠳᠭᠦᠨ ᠠᠷᠠᠳ ᠢ ᠨᠡᠭᠦᠯᠬᠡᠬᠦ ᠢᠨᠵᠧᠨᠧᠷᠢᠩ ᠢ ᠬᠦᠨᠵᠡᠭᠡᠢ ᠬᠡᠷᠡᠭᠵᠢᠭᠦᠯᠵᠤ᠂ ᠠᠵᠢᠯ ᠲᠦᠷᠦᠯ ᠤᠨ | ᠰᠢᠰᠲ᠋ᠧᠮ ᠢᠶᠠᠷ ᠲᠤᠰᠠᠯᠠᠬᠤ᠂ ᠲᠤᠭᠲᠠᠭᠰᠠᠨ ᠴᠢᠭ᠋ ᠢᠶᠠᠷ ᠶᠠᠳᠠᠭᠤ ᠶᠢ ᠲᠡᠳᠭᠦᠬᠦ ᠪᠠ ᠤᠳᠤᠷᠢᠳᠬᠤ ᠺᠠᠳ᠋ᠷ ᠶᠠᠳᠠᠭᠤ ᠬᠦᠴᠢᠷᠳᠡᠯᠲᠠᠢ ᠬᠤᠰᠢᠭᠤ ᠰᠢᠶᠠᠨ ᠯᠦᠭᠡ | ᠬᠠᠷᠢᠯᠴᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠤ᠂ ᠨᠠᠷᠢᠯᠢᠭ ᠤᠨᠤᠪᠴᠢᠲᠠᠢ ᠪᠠᠷ ᠶᠠᠳᠠᠭᠤ ᠶᠢ ᠲᠡᠳᠭᠦᠬᠦ ᠶᠢ ᠬᠡᠷᠡᠭᠵᠢᠭᠦᠯᠵᠤ᠂ ᠲᠦᠯᠦᠪᠵᠢᠭᠦᠯᠬᠡ᠂ | ᠲᠦᠷᠦᠯ ᠵᠦᠢᠯ᠂ ᠺᠠᠳ᠋ᠷ ᠵᠡᠷᠭᠡ ︽ᠭᠤᠷᠪᠠ ᠶᠢ ᠲᠤᠰᠬᠤᠨ ᠬᠢᠭᠡᠳ ᠡᠷᠦᠬᠡ ᠳᠤ ᠬᠦᠷᠦᠭᠦᠯᠬᠦ︾ ᠠᠵᠢᠯ ᠢ ᠪᠦᠬᠦ ᠲᠠᠯ᠎ᠠ ᠪᠠᠷ ᠡᠬᠢᠯᠡᠭᠦᠯᠦᠨ᠂ ᠶᠠᠳᠠᠭᠤ ᠬᠦᠴᠢᠷᠳᠡᠯᠲᠠᠢ | ᠬᠦᠮᠦᠨ ᠠᠮᠠ ᠶᠢ 40 ᠲᠦᠮᠡ ᠪᠠᠭᠠᠰᠬᠠᠬᠤ᠂ ᠶᠠᠳᠠᠭᠤ ᠬᠦᠴᠢᠷᠳᠡᠯᠲᠠᠢ ᠬᠦᠮᠦᠨ ᠠᠮᠠ ᠶᠢᠨ ᠬᠦᠮᠦᠨ ᠪᠦᠷᠢ ᠶᠢᠨ ᠳᠤᠮᠳᠠᠴᠢ ᠤᠷᠤᠯᠭ᠎ᠠ ᠶᠢ 15% ᠠᠴᠠ ᠳᠡᠭᠡᠭᠰᠢ | ᠪᠠᠷ ᠨᠡᠮᠡᠭᠳᠡᠭᠦᠯᠬᠦ᠂ ᠶᠠᠳᠠᠭᠤ ᠬᠦᠴᠢᠷᠳᠡᠯᠲᠠᠢ ᠭᠠᠵᠠᠷ ᠤᠷᠤᠨ ᠤ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠪᠠᠷᠢᠮᠵᠢᠶ᠎ᠠ ᠶᠢᠨ ᠨᠡᠮᠡᠭᠳᠡᠯ ᠤᠨ ᠬᠡᠮᠵᠢᠶ᠎ᠡ ᠶᠢ ᠪᠦᠬᠦ | ᠤᠷᠤᠨ ᠤ ᠳᠤᠮᠳᠠᠴᠢ ᠬᠢᠷᠢ ᠬᠡᠮᠵᠢᠶ᠎ᠡ ᠠᠴᠠ ᠳᠡᠭᠡᠭᠦᠷ ᠪᠤᠯᠭᠠᠬᠤ ᠪᠠᠷ ᠴᠢᠷᠮᠠᠶᠢᠨ᠂ ᠴᠦᠬᠡᠨ ᠲᠤᠭᠠᠲᠤ ᠦᠨᠳᠦᠰᠦᠲᠡᠨ ᠤ ᠶᠠᠳᠠᠭᠤ ᠬᠦᠴᠢᠷᠳᠡᠯᠲᠠᠢ ᠬᠦᠮᠦᠨ ᠠᠮᠠ ᠶᠢ | ᠶᠠᠳᠠᠭᠤ ᠠᠴᠠ ᠨᠢ ᠠᠩᠬᠢᠵᠢᠷᠠᠭᠤᠯᠵᠤ ᠪᠠᠶᠠᠵᠢᠭᠤᠯᠬᠤ ᠠᠰᠠᠭᠤᠳᠠᠯ ᠢ ᠦᠨᠡᠨᠬᠦ ᠰᠠᠶᠢᠲᠤᠷ ᠰᠢᠢᠳᠪᠦᠷᠢᠯᠡᠨ᠎ᠡ᠃ | ᠨᠡᠶᠢᠭᠡᠮ ᠤᠨ ᠦᠢᠯᠡᠰ ᠢ ᠲᠦᠷᠭᠡᠳᠬᠡᠨ ᠬᠦᠭᠵᠢᠭᠦᠯᠦᠨ᠎ᠡ᠃ ᠰᠤᠷᠭᠠᠨ ᠬᠦᠮᠦᠵᠢᠯ ᠤᠨ ᠬᠦᠷᠢᠶᠡᠨ ᠤ ᠶᠡᠷᠦᠩᠬᠡᠶᠢᠯᠡᠭᠰᠡᠨ ᠦᠬᠡᠷᠡᠴᠢᠯᠡᠯᠲᠡ ᠶᠢ ᠬᠦᠨᠵᠡᠭᠡᠶᠢᠷᠡᠭᠦᠯᠦᠨ | ᠂ ᠰᠤᠷᠭᠠᠨ ᠬᠦᠮᠦᠵᠢᠯ ᠤᠨ ᠤᠷᠤᠭᠤᠯᠤᠯᠲᠠ ᠶᠢ ᠨᠡᠮᠡᠭᠳᠡᠬᠦᠯᠵᠤ᠂ ᠪᠦᠬᠦ ᠤᠷᠤᠨ ᠤ ᠬᠤᠶᠠᠳᠤᠭᠠᠷ ᠬᠤᠭᠤᠴᠠᠭᠠᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠦᠮᠦᠵᠢᠯ ᠤᠨ ᠭᠤᠷᠪᠠᠨ ᠵᠢᠯ ᠤᠨ ᠠᠵᠢᠯᠯᠠᠭ᠎ᠠ ᠶᠢᠨ ᠲᠦᠯᠦᠪᠯᠡᠭᠡ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠰᠤᠷᠭᠠᠭᠤᠯᠢ ᠶᠢ ᠪᠠᠷᠢᠮᠵᠢᠶᠠᠵᠢᠭᠤᠯᠬᠤ᠂ ᠳᠤᠮᠳᠠᠲᠤ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠰᠠᠭᠤᠷᠢ ᠴᠢᠳᠠᠪᠤᠷᠢ ᠪᠠ ᠳᠡᠭᠡᠲᠤ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠠᠯ᠎ᠠ ᠪᠠᠷ | ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠦᠨ᠎ᠡ᠃ ᠠᠯᠪᠠᠨ ᠵᠢᠷᠤᠮ ᠤᠨ ᠰᠤᠷᠭᠠᠨ ᠬᠦᠮᠦᠵᠢᠯ ᠢ | ᠲᠡᠩᠴᠡᠭᠦᠷᠢᠲᠠᠢ ᠬᠦᠭᠵᠢᠭᠦᠯᠬᠦ ᠶᠢ ᠲᠦᠯᠬᠢᠨ ᠠᠬᠢᠭᠤᠯᠵᠤ᠂ ᠬᠤᠲᠠ ᠬᠦᠳᠡᠭᠡ ᠶᠢᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠡᠬᠢ ᠪᠠᠶᠠᠯᠢᠭ ᠢ ᠨᠢᠭᠡᠳᠦᠯᠲᠠᠢ | ᠲᠦᠯᠦᠪᠯᠡᠨ᠂ ᠬᠤᠲᠠ ᠤᠷᠤᠵᠤ ᠬᠦᠴᠦ ᠶᠠᠪᠤᠵᠤ ᠪᠠᠶᠢᠭ᠎ᠠ ᠬᠦᠮᠦᠰ ᠢ ᠳᠠᠭᠠᠵᠤ ᠨᠡᠭᠦᠭᠰᠡᠨ ᠦᠷ᠎ᠡ ᠬᠡᠤᠬᠡᠳ ᠤᠨ ᠰᠤᠷᠭᠠᠭᠤᠯᠢ ᠳᠤ ᠤᠷᠤᠬᠤ ᠳᠤ ᠬᠦᠴᠢᠷ ᠪᠠᠶᠢᠭ᠎ᠠ | ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃ ᠮᠠᠨ ᠤ ᠤᠷᠤᠨ ᠤ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠬᠤ ᠪᠠ ᠨᠡᠶᠢᠭᠡᠮ ᠤᠨ ᠬᠡᠷᠡᠭᠴᠡᠭᠡ ᠳᠤ ᠲᠤᠬᠢᠷᠠᠯᠴᠠᠭᠰᠠᠨ | ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠳᠡᠭᠡᠲᠤ ᠰᠤᠷᠭᠠᠭᠤᠯᠢ ᠪᠤᠯᠤᠨ ᠠᠵᠤ ᠠᠬᠤᠶᠢᠯᠠᠯ ᠤᠨ | ᠦᠢᠯᠡᠳᠪᠦᠷᠢᠯᠡᠬᠦ ᠵᠢᠭᠠᠬᠤ ᠰᠤᠳᠤᠯᠬᠤ ᠬᠤᠷᠰᠢᠯᠴᠠᠭ᠎ᠠ ᠶᠢ ᠠᠬᠢᠭᠤᠯᠵᠤ᠂ ᠰᠢᠯᠭᠠᠯᠲᠠ ᠪᠠᠷ ᠰᠤᠷᠤᠭᠴᠢ ᠡᠯᠰᠡᠬᠦ ᠲᠦᠷᠢᠮ ᠤᠨ ᠦᠭᠡᠷᠡᠴᠢᠯᠡᠯᠲᠡ ᠶᠢ ᠢᠳᠡᠪᠬᠢᠲᠠᠢ ᠪᠠᠷ | ᠲᠦᠯᠬᠢᠨ ᠠᠬᠢᠭᠤᠯᠤᠨ᠎ᠠ᠃ ᠳᠡᠭᠡᠲᠤ ᠰᠤᠷᠭᠠᠭᠤᠯᠢ ᠶᠢᠨ ᠴᠢᠳᠠᠪᠤᠷᠢᠲᠠᠨ ᠬᠦᠮᠦᠵᠢᠬᠦᠯᠬᠦ ᠲᠤᠭᠲᠠᠴᠠ ᠶᠢᠨ ᠰᠢᠨ᠎ᠡ ᠶᠢ ᠡᠭᠦᠳᠴᠤ᠂ ᠳᠡᠭᠡᠲᠤ ᠰᠤᠷᠭᠠᠭᠤᠯᠢ ᠨᠤᠭᠤᠳ ᠤᠨ | ᠤᠨᠴᠠᠯᠢᠭ ᠲᠠᠢ ᠪᠠᠷ ᠰᠤᠷᠭᠠᠭᠤᠯᠢ ᠡᠷᠬᠢᠯᠡᠬᠦ ᠶᠢ ᠳᠡᠮᠵᠢᠵᠤ᠂ ᠲᠡᠷᠢᠭᠦᠨ ᠤ ᠰᠤᠷᠭᠠᠭᠤᠯᠢ ᠶᠢ ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃ ᠰᠤᠷᠭᠠᠨ ᠬᠦᠮᠦᠵᠢᠯ ᠢᠶᠠᠷ | ᠶᠠᠳᠠᠭᠤ ᠶᠢ ᠲᠡᠳᠬᠦᠬᠦ ᠠᠵᠢᠯ ᠢ ᠰᠠᠶᠢᠲᠤᠷ ᠠᠳᠬᠤᠵᠤ᠂ ᠲᠡᠷᠢᠶᠠᠯᠠᠬᠤ ᠮᠠᠯᠵᠢᠬᠤ ᠤᠷᠤᠨ ᠤ ᠬᠦᠴᠢᠷᠳᠡᠯᠲᠠᠢ ᠬᠡᠷ ᠪᠦᠯᠢ᠂ ᠬᠤᠲᠠ ᠶᠢᠨ ᠨᠠᠭᠠᠲᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ ᠬᠦᠷᠲᠡᠵᠤ ᠪᠠᠶᠢᠭ᠎ᠠ ᠬᠡᠷ ᠪᠦᠯᠢ ᠠᠴᠠ ᠶᠡᠭᠡ ᠰᠤᠷᠭᠠᠭᠤᠯᠢ ᠶᠢᠨ ᠵᠢᠩᠬᠢᠨᠢ ᠠᠩᠬᠢ᠂ ᠶᠡᠭᠡ ᠰᠤᠷᠭᠠᠭᠤᠯᠢ ᠪᠤᠯᠤᠨ ᠳᠡᠬᠡᠲᠤ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠳᠤ ᠰᠢᠯᠭᠠᠭᠤᠯᠤᠨ ᠤᠷᠤᠭᠰᠠᠨ ᠰᠤᠷᠤᠭᠴᠢᠳ ᠲᠤ ᠬᠦᠴᠢᠷᠳᠡᠯ ᠤᠨ ᠲᠤᠰᠠᠯᠠᠮᠵᠢ ᠤᠯᠭᠤᠵᠤ᠂ ᠶᠠᠳᠠᠭᠤ ᠬᠦᠴᠢᠷᠳᠡᠯᠲᠠᠢ ᠬᠡᠷ ᠪᠦᠯᠢ ᠶᠢᠨ | ᠰᠤᠷᠤᠭᠴᠢᠳ ᠢ ᠡᠬᠢᠯᠡᠯᠲᠡ ᠶᠢᠨ ᠱᠤᠭᠤᠮ ᠳᠡᠭᠡᠷ᠎ᠡ ᠨᠢ ᠶᠠᠭᠠᠬᠢᠭᠰᠠᠨ ᠴᠤ ᠢᠯᠠᠭᠳᠠᠭᠤᠯᠬᠤ ᠦᠭᠡᠢ ᠪᠤᠯᠭᠠᠨ᠎ᠠ ᠃ ᠦᠨᠳᠦᠰᠦᠲᠡᠨ ᠤ ᠰᠤᠷᠭᠠᠨ ᠬᠦᠮᠦᠵᠢᠯ ᠢ ᠡᠩ | ᠲᠡᠷᠢᠭᠦᠨ ᠳᠤ ᠭᠤᠤᠯᠳᠠᠯᠭ᠎ᠠ ᠲᠠᠢ ᠬᠦᠭᠵᠢᠭᠦᠯᠦᠨ᠂ ᠦᠨᠳᠦᠰᠦᠲᠡᠨ ᠤ ᠰᠤᠷᠭᠠᠨ ᠬᠦᠮᠦᠵᠢᠯ ᠤᠨ ᠬᠦᠭᠵᠢᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠬᠦᠯᠬᠦ ᠢᠨᠵᠧᠨᠧᠷᠢᠩ ᠢ | ᠶᠡᠬᠡᠪᠡᠷ ᠲᠦᠯᠬᠢᠨ ᠠᠬᠢᠭᠤᠯᠵᠤ᠂ ᠦᠨᠳᠦᠰᠦᠲᠡᠨ ᠤ ᠰᠤᠷᠭᠠᠨ ᠬᠦᠮᠦᠵᠢᠯ ᠤᠨ ᠴᠢᠳᠠᠪᠤᠷᠢᠲᠠᠨ ᠬᠦᠮᠦᠵᠢᠬᠦᠯᠬᠦ ᠵᠠᠭᠪᠤᠷ ᠤᠨ ᠦᠭᠡᠷᠡᠴᠢᠯᠡᠯᠲᠡ ᠶᠢ ᠬᠢᠨᠠᠮᠠᠭᠠᠢ ᠵᠤᠬᠢᠶᠠᠨ | ᠪᠠᠶᠢᠭᠤᠯᠤᠨ ᠬᠡᠷᠡᠭᠵᠢᠭᠦᠯᠵᠤ᠂ ᠮᠤᠩᠭᠤᠯ ᠦᠭᠡ ᠬᠡᠯᠡ ᠦᠰᠦᠭ ᠪᠢᠴᠢᠭ ᠤᠨ ᠮᠡᠳᠡᠭᠡ ᠵᠠᠩᠬᠢᠵᠢᠭᠤᠯᠬᠤ᠂ ᠰᠦᠯᠵᠢᠶᠡᠵᠢᠭᠦᠯᠬᠦ ᠪᠠᠶᠢᠭᠤᠯᠤᠯᠲᠠ ᠶᠢ ᠲᠦᠷᠭᠡᠳᠬᠡᠨ᠎ᠡ᠃ | ᠪᠠᠭᠰᠢᠯᠠᠭᠴᠢᠳ ᠤᠨ ᠡᠩᠨᠡᠭᠡ ᠪᠠ ᠰᠤᠷᠭᠠᠨ ᠬᠦᠮᠦᠵᠢᠯ ᠤᠨ ᠮᠡᠳᠡᠭᠡ ᠵᠠᠩᠬᠢᠵᠢᠭᠤᠯᠬᠤ ᠪᠠᠶᠢᠭᠤᠯᠤᠯᠲᠠ ᠶᠢ ᠴᠢᠩᠭᠠᠳᠬᠠᠨ᠂ ᠰᠤᠷᠭᠠᠨ ᠬᠦᠮᠦᠵᠢᠯ ᠤᠨ ᠡᠬᠢ ᠪᠠᠶᠠᠯᠢᠭ ᠢ | ᠲᠠᠷᠢᠶᠠᠯᠠᠬᠤ ᠮᠠᠯᠵᠢᠬᠤ ᠤᠷᠤᠨ ᠪᠤᠯᠤᠨ ᠶᠠᠳᠠᠭᠤ ᠬᠦᠴᠢᠷᠳᠡᠯᠲᠠᠢ ᠭᠠᠵᠠᠷ ᠤᠷᠤᠨ ᠲᠠᠰᠢ ᠬᠡᠯᠪᠡᠶᠢᠯᠬᠡᠬᠦ ᠶᠢ ᠲᠦᠯᠬᠢᠨ ᠠᠬᠢᠭᠤᠯᠤᠨ᠎ᠠ᠃ ᠡᠮ ᠡᠮᠨᠡᠯᠭᠡ ᠡᠷᠡᠭᠦᠯ | ᠬᠠᠮᠠᠭᠠᠯᠠᠯ ᠤᠨ ᠦᠢᠯᠡᠰ ᠤᠨ ᠬᠦᠭᠵᠢᠯᠲᠡ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠦᠪᠡᠷᠲᠡᠭᠡᠨ ᠵᠠᠰᠠᠬᠤ ᠤᠷᠤᠨ ᠤ ᠲᠤᠰ ᠱᠠᠲᠤᠨ ᠤ 10 ᠭᠤᠤᠯᠳᠠᠯᠭ᠎ᠠ | ᠲᠠᠢ ᠡᠷᠡᠭᠦᠯ ᠬᠠᠮᠠᠭᠠᠯᠠᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠂ ᠦᠪᠦᠷ ᠮᠤᠩᠭᠤᠯ ᠤᠨ ᠡᠮᠨᠡᠯᠭᠡ ᠶᠢᠨ ᠬᠤᠷᠢᠶᠠᠨ ᠤ ᠡᠬᠦᠳᠡᠨ | ᠡᠮᠨᠡᠯᠬᠡ ᠶᠢᠨ ᠠᠰᠠᠷ ᠵᠡᠷᠭᠡ 3 ᠲᠦᠷᠦᠯ ᠵᠦᠢᠯ ᠢ ᠪᠠᠶᠢᠭᠤᠯᠤᠨ ᠪᠦᠲᠦᠭᠡᠬᠦ ᠶᠢᠨ ᠬᠠᠮᠲᠤ ᠠᠰᠢᠭᠯᠠᠯᠲᠠ ᠳᠤ ᠤᠷᠤᠭᠤᠯᠤᠨ ᠬᠡᠷᠡᠭᠯᠡᠬᠦᠯᠬᠦ᠂ ᠠᠨᠠᠭᠠᠬᠤ ᠤᠬᠠᠭᠠᠨ ᠤ ᠶᠡᠭᠡ | ᠰᠤᠷᠭᠠᠭᠤᠯᠢ ᠶᠢᠨ ᠬᠤᠶᠠᠳᠤᠭᠠᠷ ᠬᠠᠷᠢᠶᠠᠲᠤ ᠡᠮᠨᠡᠯᠬᠡ ᠶᠢᠨ ᠬᠤᠷᠢᠶ᠎ᠡ ᠵᠡᠷᠭᠡ 7 ᠲᠦᠷᠦᠯ ᠵᠦᠢᠯ ᠤᠨ ᠪᠠᠷᠢᠯᠭ᠎ᠠ ᠡᠬᠢᠯᠡᠬᠦᠯᠵᠤ ᠪᠦᠲᠦᠭᠡᠨ ᠪᠠᠶᠢᠭᠤᠯᠬᠤ ᠶᠢ ᠦᠨᠡᠨᠬᠦ | ᠪᠠᠲᠤᠯᠠᠨ᠎ᠠ᠃ ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠵᠡᠷᠭᠡ ᠦᠨᠳᠦᠰᠦᠨ ᠱᠠᠲᠤᠨ ᠤ ᠡᠮᠨᠡᠯᠬᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠶᠡᠷᠦᠩᠬᠡᠶᠢᠯᠡᠭᠰᠡᠨ ᠦᠭᠡᠷᠡᠴᠢᠯᠡᠯᠲᠡ ᠶᠢ ᠬᠦᠨᠵᠡᠭᠡᠶᠢᠷᠡᠭᠦᠯᠵᠤ᠂ ᠦᠨᠳᠦᠰᠦᠨ ᠱᠠᠲᠤᠨ ᠤ ᠡᠮᠨᠡᠯᠭᠡ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠲᠤᠤᠷ ᠰᠦᠯᠵᠢᠶ᠎ᠡ ᠪᠠ | ᠡᠮᠴᠢᠯᠡᠭᠡ ᠶᠢᠨ ᠡᠩᠨᠡᠬᠡᠨ ᠤ ᠪᠠᠶᠢᠭᠤᠯᠤᠯᠲᠠ ᠶᠢ ᠴᠢᠩᠭᠠᠳᠬᠠᠨ᠂ ᠰᠦᠷᠢᠶ᠎ᠡ ᠡᠪᠠᠳᠴᠢᠨ ᠵᠡᠷᠭᠡ ᠬᠦᠨᠲᠤ ᠶᠡᠭᠡ ᠡᠪᠳᠴᠢᠨ ᠡᠮᠬᠡᠭ ᠢ ᠰᠡᠷᠬᠡᠶᠢᠯᠡᠨ ᠬᠢᠵᠠᠭᠠᠷᠯᠠᠬᠤ ᠶᠢ | ᠴᠢᠩᠭᠠᠳᠬᠠᠨ᠎ᠠ᠃ ᠮᠤᠩᠭᠤᠯ ᠬᠢᠲᠠᠳ ᠡᠮ ᠡᠮᠨᠡᠯᠭᠡ ᠶᠢᠨ ᠦᠢᠯᠡᠰ ᠤᠨ ᠬᠦᠭᠵᠢᠯᠲᠡ ᠶᠢ ᠲᠦᠷᠭᠡᠳᠬᠡᠨ᠂ ᠪᠠᠶᠢᠷᠢᠰᠢᠭᠤᠯᠤᠯ ᠨᠢ ᠵᠦᠢ ᠵᠤᠬᠢᠰᠲᠠᠢ᠂ ᠴᠢᠳᠠᠮᠵᠢ ᠪᠡ | ᠪᠦᠷᠢᠨ ᠲᠡᠭᠦᠯᠳᠡᠷ ᠪᠦᠬᠦᠢ ᠮᠤᠩᠭᠤᠯ ᠬᠢᠲᠠᠳ ᠡᠮᠨᠡᠯᠭᠡ ᠶᠢᠨ ᠡᠮᠴᠢᠯᠡᠭᠡ᠂ ᠵᠢᠭᠠᠨ ᠰᠤᠷᠭᠠᠯᠲᠠ ᠪᠠ ᠰᠢᠨᠵᠢᠯᠡᠬᠦ ᠤᠬᠠᠭᠠᠨ ᠤ ᠰᠤᠳᠤᠯᠤᠯ ᠤᠨ ᠦᠢᠯᠡᠴᠢᠯᠡᠭᠡᠨ ᠤ | ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠨ᠎ᠡ᠃ ᠰᠤᠷᠭᠠᠨ ᠬᠦᠮᠦᠵᠢᠯ᠂ ᠰᠤᠶᠤᠯ᠂ ᠡᠮᠨᠡᠯᠭᠡ ᠵᠡᠷᠭᠡ ᠨᠡᠶᠢᠭᠡᠮ ᠤᠨ ᠦᠢᠯᠡᠰ ᠤᠨ ᠬᠦᠭᠵᠢᠯᠲᠡ ᠳᠤ ᠨᠡᠶᠢᠭᠡᠮ ᠤᠨ | ᠬᠦᠷᠦᠩᠭᠡ ᠶᠢᠨ ᠤᠷᠤᠯᠴᠠᠬᠤ ᠶᠢ ᠵᠤᠷᠢᠭᠵᠢᠭᠤᠯᠤᠨ᠎ᠠ᠃ ᠲᠦᠯᠦᠪᠯᠡᠭᠡᠲᠤ ᠦᠷᠡᠵᠢᠯ ᠤᠨ ᠲᠤᠬᠠᠢ ᠤᠯᠤᠰ ᠤᠨ ᠦᠨᠳᠦᠰᠦᠨ ᠪᠤᠳᠤᠯᠭ᠎ᠠ ᠶᠢ ᠪᠠᠷᠢᠮᠲᠠᠯᠠᠨ᠂ ᠳᠤᠤᠷ᠎ᠠ | ᠦᠷᠡᠵᠢᠯ ᠤᠨ ᠬᠢᠷᠢ ᠬᠡᠮᠵᠢᠶ᠎ᠡ ᠶᠢ ᠦᠷᠬᠦᠯᠵᠢᠯᠡᠨ ᠲᠤᠭᠲᠠᠭᠤᠨ ᠪᠠᠶᠢᠯᠭᠠᠵᠤ᠂ ᠨᠢᠭᠡ ᠨᠢ ᠦᠷ᠎ᠡ ᠶᠢᠨ ᠭᠠᠭᠴᠠ ᠪᠠᠶᠢᠬᠤ ᠡᠷ᠎ᠡ ᠡᠮ᠎ᠡ ᠬᠤᠶᠠᠳᠤᠭᠠᠷ ᠬᠡᠤᠭᠡᠳ ᠠᠪᠴᠤ | ᠪᠤᠯᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠤ᠂ ᠲᠦᠷᠦᠯᠲᠡ ᠶᠢᠨ ᠳᠤᠲᠠᠭᠤ ᠲᠤᠷᠭᠤᠨ ᠤ ᠨᠢᠭᠡᠳᠤᠬᠡᠷ ᠳᠡᠰ ᠤᠨ ᠤᠷᠢᠳᠴᠢᠯᠠᠨ ᠰᠡᠷᠬᠡᠶᠢᠯᠡᠬᠦ ᠢᠨᠵᠧᠨᠧᠷᠢᠩ ᠢ | ᠦᠷᠨᠢᠭᠦᠯᠦᠨ᠂ ᠲᠦᠷᠦᠬᠦ ᠬᠦᠮᠦᠨ ᠠᠮᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠪᠦᠬᠦ ᠠᠷᠠᠳ ᠤᠨ ᠪᠡᠶ᠎ᠡ ᠪᠤᠯᠪᠠᠰᠤᠷᠠᠭᠤᠯᠬᠤ ᠬᠦᠳᠡᠯᠬᠡᠬᠡᠨ ᠢ ᠦᠷᠭᠡᠨ ᠢᠶᠠᠷ | ᠦᠷᠨᠢᠭᠦᠯᠦᠨ᠂ ᠤᠯᠠᠨ ᠲᠦᠮᠡᠨ ᠤ ᠪᠡᠶ᠎ᠡ ᠲᠠᠮᠢᠷ ᠪᠤᠯᠤᠨ ᠤᠷᠤᠯᠳᠤᠭᠠᠨ ᠤ ᠪᠡᠶ᠎ᠡ ᠶᠢᠨ ᠲᠠᠮᠢᠷ ᠤᠨ ᠵᠤᠬᠢᠴᠠᠩᠭᠤᠢ ᠪᠠᠷ ᠬᠦᠭᠵᠢᠬᠦ ᠶᠢ ᠠᠬᠢᠭᠤᠯᠤᠨ᠎ᠠ᠃ ᠪᠦᠬᠦ ᠤᠷᠤᠨ ᠤ | ᠠᠷᠪᠠᠨ ᠭᠤᠷᠪᠠᠳᠤᠭᠠᠷ ᠬᠤᠭᠤᠴᠠᠭᠠᠨ ᠤ ᠪᠡᠶ᠎ᠡ ᠲᠠᠮᠢᠷ ᠤᠨ ᠴᠤᠭᠯᠠᠭᠠᠨ ᠢ ᠰᠠᠶᠢᠲᠤᠷ ᠡᠷᠬᠢᠯᠡᠵᠤ᠂ ᠬᠦᠮᠦᠨ ᠠᠮᠠ ᠶᠢᠨ ᠦᠳᠡᠭᠦᠰᠵᠢᠬᠦ ᠶᠢ ᠢᠳᠡᠪᠬᠢᠲᠠᠢ ᠪᠠᠷ ᠠᠷᠭᠠᠴᠠᠵᠤ | ᠂ ᠦᠳᠡᠭᠦᠰ ᠤᠨ ᠦᠢᠯᠡᠰ ᠪᠤᠯᠤᠨ ᠨᠠᠰᠤᠲᠠᠶᠢᠴᠤᠳ ᠲᠤ ᠦᠢᠯᠡᠴᠢᠯᠡᠬᠦ ᠠᠵᠤ ᠦᠢᠯᠡᠰ ᠢ ᠲᠦᠷᠭᠡᠳᠬᠡᠨ ᠬᠦᠭᠵᠢᠭᠦᠯᠵᠤ᠂ ᠨᠡᠶᠢᠭᠡᠮ ᠤᠨ ᠨᠠᠰᠤᠵᠢᠯ ᠤᠨ | ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠤ᠂ ᠨᠠᠰᠤᠵᠢᠯ ᠤᠨ ᠦᠢᠯᠡᠰ ᠤᠨ ᠬᠦᠭᠵᠢᠯᠲᠡ ᠳᠤ ᠠᠷᠠᠳ ᠤᠨ ᠬᠦᠷᠦᠩᠭᠡ ᠶᠢᠨ ᠤᠷᠤᠯᠴᠠᠬᠤ ᠶᠢ | ᠵᠤᠷᠢᠭᠵᠢᠭᠤᠯᠤᠨ ᠳᠡᠮᠵᠢᠵᠤ᠂ ᠴᠢᠳᠠᠮᠵᠢ ᠪᠠᠷ ᠲᠡᠭᠦᠯᠳᠡᠷ᠂ ᠲᠦᠬᠦᠷ ᠪᠡᠯᠡᠳᠬᠡᠮᠵᠢ ᠨᠢ ᠪᠦᠷᠢᠨ ᠲᠡᠭᠦᠯᠳᠡᠷ ᠨᠢᠭᠡ ᠪᠦᠯᠦᠭ ᠶᠡᠷᠦᠩᠬᠡᠶᠢᠯᠡᠭᠰᠡᠨ ᠨᠠᠰᠤᠲᠠᠨ ᠠᠰᠠᠷᠠᠬᠤ | ᠦᠢᠯᠡᠴᠢᠯᠡᠬᠡᠨ ᠤ ᠲᠦᠪ ᠪᠤᠯᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠦᠲᠦᠬᠡᠨ ᠪᠠᠶᠢᠭᠤᠯᠤᠨ᠎ᠠ᠃ ᠡᠮᠡᠭᠲᠠᠶᠢᠴᠤᠳ ᠬᠡᠤᠭᠡᠳ ᠤᠨ ᠦᠢᠯᠡᠰ ᠤᠨ ᠡᠷᠡᠭᠦᠯ ᠢᠶᠠᠷ | ᠬᠦᠭᠵᠢᠬᠦ ᠶᠢ ᠲᠦᠯᠬᠢᠨ ᠠᠬᠢᠭᠤᠯᠤᠨ᠎ᠠ᠃ | ︵ᠵᠢᠷᠭᠤᠭ᠎ᠠ︶ ᠠᠮᠢ ᠠᠬᠤᠢ ᠶᠢᠨ ᠣᠷᠴᠢᠨ ᠲᠤᠭᠤᠷᠢᠨ ᠤ ᠬᠠᠮᠠᠭᠠᠯᠠᠯᠳᠠ ᠶᠢ ᠴᠢᠩᠭᠠᠳᠬᠠᠨ᠂ ᠠᠮᠢ ᠠᠬᠤᠢ ᠶᠢᠨ ᠪᠤᠯᠪᠠᠰᠣᠨ ᠤ ᠪᠠᠶᠢᠭᠤᠯᠤᠯᠳᠠ ᠶᠢ ᠲᠦᠯᠬᠢᠨ | ᠠᠬᠢᠭᠤᠯᠤᠨ᠎ᠠ᠃ | ᠠᠮᠢ ᠠᠬᠤᠢ ᠶᠢᠨ ᠪᠤᠯᠪᠠᠰᠣᠨ ᠤ ᠲᠦᠷᠢᠮ ᠤᠨ ᠪᠠᠶᠢᠭᠤᠯᠤᠯᠳᠠ ᠶᠢ ᠴᠢᠩᠭᠠᠳᠬᠠᠨ᠎ᠠ᠃ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠬᠠᠷᠠᠯᠳᠠ ᠶᠢᠨ | ᠦᠨᠡᠯᠡᠵᠣ ᠬᠢᠨᠠᠨ ᠰᠢᠯᠭᠠᠬᠤ ᠰᠢᠰᠲ᠋ᠧᠮᠵᠢ ᠶᠢ ᠪᠠᠶᠢᠭᠤᠯᠤᠨ᠂ ᠠᠮᠢ ᠠᠬᠤᠢ ᠶᠢᠨ ᠣᠯᠠᠭᠠᠨ ᠱᠣᠭᠤᠮ ᠢ ᠢᠯᠭᠠᠨ ᠲᠤᠭᠳᠠᠭᠠᠵᠣ᠂ ᠡᠬᠢ ᠡᠭᠦᠰᠦᠯ ᠠᠴᠠ ᠨᠢ ᠬᠠᠮᠠᠭᠠᠯᠠᠬᠤ᠂ | ᠬᠤᠬᠢᠷᠠᠭᠤᠯᠣᠭᠰᠠᠨ ᠢ ᠲᠦᠯᠦᠭᠦᠯᠬᠦ ᠪᠠ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠷᠠᠭᠤᠯᠣᠨ᠂ ᠣᠷᠴᠢᠨ ᠲᠣᠭᠤᠷᠢᠨ ᠢ ᠵᠠᠰᠠᠬᠤ ᠪᠠ ᠠᠮᠢ ᠠᠬᠤᠢ ᠶᠢ ᠵᠠᠰᠠᠨ ᠰᠡᠷᠭᠦᠭᠡᠬᠦ | ᠲᠦᠷᠢᠮ ᠢ ᠲᠡᠭᠦᠯᠳᠡᠷᠵᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢᠨ ᠦᠮᠴᠢᠯᠡᠬᠦ ᠡᠷᠬᠡ ᠪᠠ ᠬᠡᠷᠡᠭᠴᠡᠭᠡ ᠶᠢ ᠵᠠᠬᠢᠷᠣᠨ ᠬᠠᠮᠢᠶᠠᠷᠬᠤ ᠲᠦᠷᠢᠮ | ᠢ ᠪᠦᠷᠢᠨᠰᠢᠭᠦᠯᠵᠣ᠂ ᠦᠢᠯᠡᠳᠪᠦᠷᠢᠯᠡᠯ ᠠᠮᠢᠳᠣᠷᠠᠯ᠂ ᠠᠮᠢ ᠠᠬᠤᠢ ᠶᠢᠨ ᠣᠷᠣᠨ ᠵᠠᠢ ᠶᠢᠨ ᠨᠡᠭᠡᠭᠡᠯᠳᠡ ᠶᠢ ᠵᠠᠬᠢᠷᠣᠨ ᠬᠠᠮᠢᠶᠠᠷᠬᠤ ᠵᠠᠭᠠᠭ ᠢ ᠬᠤᠪᠢᠶᠠᠷᠢᠯᠠᠨ ᠲᠤᠭᠳᠠᠭᠠᠨ᠎ᠠ᠃ | ᠣᠯᠣᠰ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢᠨ ᠬᠠᠮᠢᠶᠠᠷᠣᠯᠳᠠ ᠶᠢ ᠴᠢᠩᠭᠠᠳᠬᠠᠨ᠂ ᠪᠠᠶᠢᠭᠠᠯᠢ ᠶᠢᠨ ᠡᠬᠢ ᠪᠠᠶᠠᠯᠢᠭ ᠤᠨ ᠬᠢᠨᠠᠨ ᠬᠠᠮᠢᠶᠠᠷᠬᠤ | ᠲᠤᠭᠳᠠᠴᠠ ᠶᠢ ᠲᠡᠭᠦᠯᠳᠡᠷᠵᠢᠭᠦᠯᠦᠨ᠎ᠡ᠃ ᠠᠮᠢ ᠠᠬᠤᠢ ᠶᠢᠨ ᠰᠢᠯᠢᠳᠡᠭ ᠭᠠᠵᠠᠷ ᠣᠷᠣᠨ ᠢᠶᠠᠷ ᠠᠨᠠᠢ ᠭᠠᠵᠠᠷ ᠣᠷᠣᠨ ᠳᠤ ᠣᠯᠠᠨ ᠨᠡᠶᠢᠳᠡ ᠶᠢᠨ ᠠᠮᠢ ᠠᠬᠤᠢ ᠶᠢᠨ | ᠪᠦᠳᠦᠭᠡᠭᠳᠡᠭᠦᠨ ᠤ ᠨᠦᠭᠦᠪᠦᠷᠢ ᠬᠠᠩᠭᠠᠯᠭᠠᠬᠤ ᠲᠤᠭᠳᠠᠴᠠ ᠶᠢ ᠰᠦᠪᠡᠭᠴᠢᠯᠡᠨ ᠪᠠᠶᠢᠭᠤᠯᠵᠤ᠂ ᠭᠤᠤᠯᠳᠠᠯᠭ᠎ᠠ ᠲᠠᠢ ᠠᠮᠢ ᠠᠬᠤᠢ ᠶᠢᠨ ᠴᠢᠳᠠᠮᠵᠢᠲᠦ ᠣᠷᠣᠨ ᠳᠤ | ᠰᠢᠯᠵᠢᠭᠦᠯᠦᠨ ᠣᠯᠭᠤᠬᠤ ᠲᠦᠷᠦ ᠶᠢᠨ ᠪᠤᠳᠣᠯᠭ᠎ᠠ ᠶᠢ ᠨᠠᠶᠢᠳᠠᠪᠦᠷᠢᠵᠢᠭᠤᠯᠤᠨ᠂ ᠣᠢ ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠲᠤ ᠨᠦᠬᠦᠪᠦᠷᠢᠯᠡᠬᠦ ᠲᠦᠷᠢᠮ ᠢ | ᠪᠦᠷᠢᠨᠰᠢᠭᠦᠯᠦᠨ᠎ᠡ᠃ ᠭᠤᠤᠯ ᠴᠣᠭᠴᠠ ᠪᠦᠬᠦᠢ ᠴᠢᠳᠠᠮᠵᠢᠲᠦ ᠣᠷᠣᠨ ᠤ ᠪᠦᠳᠦᠭᠡᠨ ᠪᠠᠶᠢᠭᠤᠯᠤᠯᠳᠠ ᠶᠢᠨ ᠲᠤᠷᠰᠢᠯᠳᠠ ᠶᠢᠨ ᠴᠢᠭ᠋ ᠤᠨ ᠵᠢᠱᠢᠶ᠎ᠠ ᠦᠵᠡᠭᠦᠯᠬᠦ ᠶᠢ | ᠦᠷᠭᠦᠯᠵᠢᠯᠡᠨ ᠦᠷᠨᠢᠭᠦᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢᠨ ᠦᠷᠢᠳᠦᠯ ᠤᠨ ᠬᠦᠰᠦᠨᠦᠭᠳᠦ ᠨᠠᠶᠢᠷᠠᠭᠤᠯᠤᠨ ᠵᠣᠬᠢᠶᠠᠬᠤ ᠶᠢ ᠬᠠᠶᠢᠨ | ᠰᠦᠪᠡᠭᠴᠢᠯᠡᠵᠤ᠂ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ᠂ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠵᠡᠷᠭᠡ ᠲᠠᠯ᠎ᠠ ᠶᠢᠨ ᠬᠢᠨᠠᠨᠰᠢᠯᠭᠠᠬᠤ | ᠶᠢᠨ ᠴᠢᠬᠤᠯᠠ ᠪᠤᠯᠬᠤ ᠬᠡᠮᠵᠢᠶ᠎ᠡ ᠶᠢ ᠨᠡᠮᠡᠭᠳᠡᠭᠦᠯᠦᠨ᠎ᠡ᠃ | ᠠᠮᠢ ᠠᠬᠤᠢ ᠶᠢᠨ ᠬᠠᠮᠠᠭᠠᠯᠠᠯᠳᠠ ᠪᠠ ᠪᠦᠳᠦᠭᠡᠨ ᠪᠠᠶᠢᠭᠤᠯᠤᠯᠳᠠ ᠶᠢ ᠬᠦᠴᠦᠲᠠᠢ ᠠᠳᠬᠤᠨ᠎ᠠ᠃ ᠪᠡᠭᠡᠵᠢᠩ ᠲᠢᠶᠠᠨᠵᠢᠨ ᠤ ᠡᠷᠭᠢᠨ ᠲᠤᠭᠤᠷᠢᠨ ᠤ ᠰᠠᠯᠬᠢ | ᠡᠯᠡᠰᠦᠨ ᠤ ᠡᠬᠢ ᠶᠢ ᠵᠠᠰᠠᠬᠤ᠂ ᠪᠠᠶᠢᠭᠠᠯᠢ ᠶᠢᠨ ᠣᠢ ᠶᠢ ᠬᠠᠮᠠᠭᠠᠯᠠᠬᠤ ᠬᠤᠶᠠᠳᠣᠭᠠᠷ ᠬᠤᠭᠤᠴᠠᠭ᠎ᠠ ᠵᠡᠷᠭᠡ ᠭᠤᠤᠯᠳᠠᠯᠭ᠎ᠠ ᠲᠠᠢ ᠠᠮᠢ ᠠᠬᠤᠢ ᠶᠢᠨ ᠪᠦᠳᠦᠭᠡᠨ | ᠪᠠᠶᠢᠭᠤᠯᠤᠯᠳᠠ ᠶᠢᠨ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠤ᠂ ᠰᠢᠨ᠎ᠡ ᠨᠢᠭᠡᠨ ᠡᠭᠡᠯᠵᠢ ᠶᠢᠨ ᠲᠠᠷᠢᠶᠠᠯᠠᠬᠤ ᠶᠢ ᠵᠣᠭᠰᠣᠭᠠᠵᠣ ᠣᠢ ᠮᠣᠲᠦ ᠶᠢ ᠰᠡᠷᠭᠦᠭᠡᠬᠦ | ᠡᠭᠦᠷᠭᠡ ᠶᠢ ᠢᠳᠡᠪᠬᠢᠯᠡᠨ ᠣᠯᠵᠣ᠂ ᠭᠤᠣᠯᠳᠠᠯᠭ᠎ᠠ ᠲᠠᠢ ᠣᠷᠣᠨ ᠤ ᠨᠤᠭᠤᠭᠠᠷᠠᠭᠤᠯᠤᠯᠳᠠ ᠶᠢᠨ ᠡᠷᠴᠢᠮ ᠢ ᠨᠡᠮᠡᠭᠳᠡᠭᠦᠯᠦᠨ᠂1000 ᠲᠦᠮᠡᠨ ᠮᠣ᠋ ᠶᠢᠨ ᠣᠢ ᠰᠢᠭᠤᠢ | ᠶᠢᠨ ᠠᠮᠢ ᠠᠬᠤᠢ ᠶᠢᠨ ᠪᠦᠳᠦᠭᠡᠨ ᠪᠠᠶᠢᠭᠤᠯᠤᠯᠳᠠ᠂ 650 ᠲᠦᠮᠡᠨ ᠮᠤ᠋ ᠬᠦᠷᠦᠰᠦ ᠰᠢᠷᠦᠢ ᠶᠢᠨ ᠢᠳᠡᠭᠳᠡᠯ ᠢ ᠵᠠᠰᠠᠬᠤ ᠶᠢ ᠪᠡᠶᠡᠯᠡᠭᠦᠯᠦᠨ᠎ᠡ᠃ ᠪᠠᠶᠢᠭᠠᠯᠢ ᠶᠢᠨ | ᠬᠠᠮᠠᠭᠠᠯᠠᠯᠳᠠ ᠶᠢᠨ ᠣᠷᠣᠨ ᠂ ᠠᠮᠢ ᠠᠬᠤᠢ ᠶᠢᠨ ᠴᠢᠳᠠᠮᠵᠢᠲᠦ ᠣᠷᠣᠨ ᠪᠠ ᠴᠢᠭᠢᠭᠯᠢᠭ ᠨᠤᠭᠤ ᠭᠠᠵᠠᠷ᠂ ᠭᠡᠭᠡᠷ᠎ᠡ ᠶᠢᠨ ᠠᠮᠢᠳᠠᠨ ᠣᠷᠭᠤᠮᠠᠯ ᠤᠨ ᠬᠠᠮᠠᠭᠠᠯᠠᠯᠳᠠ ᠶᠢ | ᠴᠢᠩᠭᠠᠳᠬᠠᠨ᠂ ᠣᠢ ᠰᠢᠭᠤᠢ᠂ ᠡᠯᠡᠰᠦ᠂ ᠡᠪᠡᠰᠦᠨ ᠤ ᠠᠵᠣ ᠦᠢᠯᠡᠰ ᠢ ᠶᠡᠬᠡᠪᠡᠷ ᠬᠦᠭᠵᠢᠭᠦᠯᠦᠨ᠎ᠡ᠃ ᠠᠭᠤᠯᠠ ᠬᠦᠳᠡᠭᠡ ᠶᠢᠨ ᠠᠵᠣ ᠠᠬᠤᠢ ᠶᠢᠨ ᠵᠢᠱᠢᠶ᠎ᠠ | ᠦᠵᠡᠭᠦᠯᠬᠦ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠤ᠂ ᠣᠯᠣᠰ ᠤᠨ ᠣᠢ ᠰᠢᠭᠤᠢ ᠠᠷᠠᠴᠢᠯᠠᠨ ᠪᠤᠶᠢᠵᠢᠭᠤᠯᠬᠤ ᠪᠠ | ᠣᠶᠢᠵᠢᠭᠤᠯᠬᠤ ᠳᠠᠬᠢ ᠨᠦᠬᠦᠪᠦᠷᠢ ᠣᠯᠭᠤᠬᠤ ᠲᠤᠷᠰᠢᠯᠳᠠ ᠶᠢᠨ ᠴᠢᠭ᠋ ᠢ ᠦᠷᠭᠡᠳᠭᠡᠬᠦ ᠶᠢ ᠣᠯᠬᠤ ᠪᠠᠷ ᠢᠳᠠᠪᠬᠢᠯᠡᠨ ᠴᠢᠷᠮᠠᠶᠢᠨ᠎ᠠ᠃ ᠮᠠᠯᠵᠢᠬᠤ ᠶᠢ ᠵᠣᠭᠰᠣᠭᠠᠵᠣ | ᠪᠡᠯᠴᠢᠭᠡᠷ ᠰᠡᠷᠭᠦᠭᠡᠬᠦ ᠪᠠ ᠦᠨᠳᠦᠷ ᠬᠤᠷᠢᠶᠠᠯᠳᠠ ᠴᠢᠨᠠᠷ ᠰᠠᠶᠢᠲᠠᠢ ᠴᠠᠷᠭᠠᠰᠣᠨ ᠤ ᠵᠢᠱᠢᠶ᠎ᠠ ᠦᠵᠡᠭᠦᠯᠬᠦ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠳᠠ ᠶᠢ ᠵᠣᠬᠢᠶᠠᠨ | ᠪᠠᠶᠢᠭᠤᠯᠤᠨ ᠶᠠᠪᠤᠭᠳᠠᠭᠤᠯᠵᠣ᠂ ᠨᠣᠳᠤᠭ ᠪᠡᠯᠴᠢᠭᠡᠷ ᠤᠨ ᠪᠦᠳᠦᠭᠡᠨ ᠪᠠᠶᠢᠭᠤᠯᠤᠯᠳᠠ ᠶᠢᠨ ᠶᠡᠷᠦᠩᠬᠡᠢ ᠬᠡᠪᠴᠢᠶ᠎ᠡ ᠶᠢ 4000 ᠲᠦᠮᠡᠨ ᠮᠣ᠋ ᠠᠴᠠ ᠲᠡᠭᠡᠭᠰᠢ ᠪᠠᠶᠢᠯᠭᠠᠬᠤ | ᠶᠢ ᠪᠠᠳᠣᠯᠠᠨ᠎ᠠ᠂ ᠨᠣᠳᠤᠭ ᠪᠡᠯᠴᠢᠭᠡᠷ ᠲᠤ ᠲᠣᠰᠠᠯᠠᠵᠣ ᠱᠠᠩᠨᠠᠬᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠱᠠᠲᠦ ᠦᠶ᠎ᠡ ᠶᠢᠨ ᠴᠢᠨᠠᠷᠲᠠᠢ ᠮᠠᠯᠵᠢᠬᠤ ᠶᠢ | ᠴᠠᠭᠠᠵᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠦᠷᠢᠮ ᠢ ᠦᠷᠭᠦᠯᠵᠢᠯᠡᠨᠬᠡᠷᠡᠭᠵᠢᠭᠦᠯᠵᠤ᠂ ᠨᠣᠳᠤᠭ ᠪᠡᠯᠴᠢᠭᠡᠷ ᠤᠨ ᠬᠠᠣᠯᠢ ᠬᠡᠷᠡᠭᠵᠢᠭᠦᠯᠵᠤ | ᠬᠢᠨᠠᠯᠳᠠ ᠲᠠᠯᠪᠢᠵᠤ ᠪᠠᠶᠢᠴᠠᠭᠠᠬᠤ ᠶᠢ ᠴᠢᠩᠭᠠᠳᠬᠠᠨ᠎ᠠ᠃ | ᠡᠨᠧᠷᠬᠢ ᠠᠷᠪᠢᠯᠠᠵᠦ ᠪᠤᠬᠢᠷᠳᠣᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠢ ᠰᠠᠶᠢᠳᠣᠷ ᠬᠢᠨ᠎ᠡ᠃ ᠡᠨᠧᠷᠬᠢ ᠠᠷᠪᠢᠯᠠᠵᠤ ᠪᠤᠬᠢᠷᠳᠣᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠵᠣ ᠵᠠᠬ᠎ᠠ ᠲᠡᠯᠭᠡᠭᠦᠷᠴᠢᠯᠡᠭᠰᠡᠨ ᠲᠤᠭᠳᠠᠴᠠ ᠶᠢ ᠪᠠᠶᠢᠭᠤᠯᠤᠨ ᠲᠡᠭᠦᠯᠳᠡᠷᠵᠢᠭᠦᠯᠵᠤ᠂ ᠡᠨᠧᠷᠬᠢ ᠠᠷᠪᠢᠯᠠᠵᠣ ᠪᠣᠬᠢᠷᠳᠣᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠳᠠᠳᠦ ᠬᠠᠷᠢᠭᠤᠴᠠᠯᠭ᠎ᠠ ᠶᠢᠨ ᠲᠦᠷᠢᠮ ᠪᠠ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠴᠢᠩᠭᠠᠷᠠᠭᠤᠯᠣᠨ᠂ ᠡᠨᠧᠷᠬᠢ | ᠶᠢᠨ ᠬᠡᠷᠡᠭᠯᠡᠭᠡᠨ ᠤ ᠶᠡᠷᠦᠩᠬᠡᠢ ᠬᠡᠮᠵᠢᠶ᠎ᠡ ᠪᠠ ᠡᠨᠧᠷᠬᠢ ᠶᠢᠨ ᠬᠤᠷᠤᠭᠳᠠᠭᠤᠯᠭᠠ ᠶᠢᠨ ᠡᠷᠴᠢᠮ ᠤᠨ ︽ᠬᠤᠣᠰ ᠡᠵᠡᠮᠳᠡᠯ︾ ᠤᠨ ᠬᠢᠨᠠᠨ ᠰᠢᠯᠭᠠᠬᠤ ᠶᠢ ᠬᠡᠷᠡᠭᠵᠢᠭᠦᠯᠦᠨ᠎ᠡ᠃ | ᠠᠶᠣᠯ ᠦᠭᠡᠢ᠂ ᠣᠷᠴᠢᠨ ᠲᠤᠭᠤᠷᠢᠨ ᠢ ᠬᠠᠮᠠᠭᠠᠯᠠᠬᠤ᠂ ᠡᠨᠧᠷᠬᠢ ᠶᠢᠨ ᠬᠤᠷᠣᠭᠳᠠᠭᠤᠯᠭ᠎ᠠ ᠂ ᠭᠠᠵᠠᠷ ᠰᠢᠷᠦᠢ ᠵᠡᠷᠭᠡ ᠬᠢᠵᠠᠭᠠᠷᠯᠠᠯ ᠢ ᠴᠢᠩᠭᠠᠷᠠᠭᠤᠯᠣᠨ᠂ ᠡᠨᠧᠷᠬᠢ | ᠶᠡᠭᠡ ᠬᠤᠷᠣᠭᠳᠠᠭᠤᠯᠬᠤ᠂ ᠪᠤᠬᠢᠷᠳᠣᠯ ᠶᠡᠭᠡ ᠭᠠᠳᠠᠭᠰᠢᠯᠠᠭᠤᠯᠬᠤ ᠠᠵᠢᠯ ᠲᠦᠷᠦᠯ ᠤᠨ ᠲᠤᠤᠷ᠎ᠠ ᠬᠢᠷᠢ ᠬᠡᠮᠵᠢᠶ᠎ᠡ ᠪᠠᠷ ᠲᠠᠪᠬᠤᠷᠳᠠᠭᠤᠯᠣᠨ ᠪᠦᠳᠦᠭᠡᠨ ᠪᠠᠶᠢᠭᠤᠯᠬᠤ ᠶᠢ | ᠴᠢᠩᠭ᠎ᠠ ᠬᠢᠵᠠᠭᠠᠷᠯᠠᠵᠤ᠂ ᠬᠤᠴᠣᠷᠣᠩᠭᠤᠢ ᠦᠢᠯᠡᠳᠪᠦᠷᠢᠯᠡᠬᠦ ᠴᠢᠳᠠᠪᠦᠷᠢ ᠶᠢ ᠲᠦᠷᠭᠡᠳᠭᠡᠨ ᠰᠢᠭᠰᠢᠭᠳᠡᠭᠦᠯᠵᠤ᠂ ︽12᠂ 5︾ ᠶᠢᠨ ᠲᠦᠯᠦᠪᠵᠢᠭᠦᠯᠭᠡ ᠶᠢᠨ | ᠬᠤᠭᠤᠴᠠᠭᠠᠨ ᠤ ᠬᠤᠴᠣᠷᠣᠩᠭᠤᠢ ᠦᠢᠯᠡᠳᠪᠦᠷᠢᠯᠡᠬᠦ ᠴᠢᠳᠠᠪᠦᠷᠢ ᠶᠢ ᠰᠢᠭᠰᠢᠭᠳᠡᠭᠦᠯᠬᠦ ᠬᠠᠷᠠᠯᠳᠠ ᠶᠢ ᠨᠢᠭᠡ ᠵᠢᠯ ᠣᠷᠢᠳᠴᠢᠯᠠᠨ ᠪᠡᠶᠡᠯᠡᠭᠦᠯᠬᠦ ᠶᠢ ᠦᠨᠡᠨᠬᠦ ᠪᠠᠳᠣᠯᠠᠨ᠎ᠠ᠃ | ᠪᠤᠬᠢᠷᠳᠣᠯ ᠭᠠᠳᠠᠭᠰᠢᠯᠠᠭᠤᠯᠬᠤ ᠡᠷᠬᠡ ᠶᠢ ᠲᠦᠯᠦᠪᠦᠷᠢ ᠲᠠᠢ ᠬᠡᠷᠡᠭᠯᠡᠭᠦᠯᠬᠦ ᠪᠠ ᠠᠷᠠᠯᠵᠢᠶᠠᠯᠠᠬᠤ ᠲᠤᠷᠰᠢᠯᠳᠠ ᠶᠢ ᠢᠳᠡᠪᠬᠢᠲᠠᠢ ᠪᠠᠷ ᠲᠦᠯᠬᠢᠨ ᠠᠬᠢᠭᠤᠯᠵᠤ᠂ ᠲᠤᠤᠷ᠎ᠠ | ᠨᠡᠭᠦᠷᠡᠰᠦᠳᠦ᠋ᠷᠦᠭᠴᠢᠲᠦ ᠠᠵᠣ ᠠᠬᠤᠢ ᠶᠢᠨ ᠰᠢᠰᠲ᠋ᠧᠮᠵᠢ ᠶᠢ ᠲᠦᠷᠭᠡᠳᠭᠡᠨ ᠪᠤᠶᠢᠵᠢᠭᠤᠯᠵᠤ᠂ ᠨᠡᠭᠦᠷᠡᠰᠦᠳᠦ᠋ᠷᠦᠭᠴᠢ ᠶᠢ ᠰᠢᠩᠭᠡᠭᠡᠨ ᠠᠪᠬᠤ ᠠᠷᠠᠯᠵᠢᠶ᠎ᠠ ᠶᠢ ᠲᠦᠯᠬᠢᠨ | ᠠᠬᠢᠭᠤᠯᠤᠨ᠎ᠠ᠃ ᠡᠨᠧᠷᠬᠢ ᠠᠷᠪᠢᠯᠠᠵᠦ ᠪᠣᠬᠢᠷᠳᠣᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠣᠯᠣᠨ | ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠠᠷᠪᠠᠨ ᠶᠡᠭᠡ ᠭᠤᠣᠯᠳᠠᠯᠭ᠎ᠠ ᠲᠠᠢ ᠡᠨᠧᠷᠬᠢ ᠠᠷᠪᠢᠯᠠᠬᠤ ᠢᠨᠵᠧᠨᠧᠷᠢᠩ ᠤᠨ ᠪᠠᠶᠢᠭᠤᠯᠣᠯᠳᠡ | ᠶᠢ ᠴᠢᠩᠭᠠᠳᠬᠠᠨ᠂ ᠡᠨᠧᠷᠬᠢ ᠠᠷᠪᠢᠯᠠᠨ ᠭᠠᠵᠠᠷ ᠲᠤ ᠭᠠᠮᠳᠠᠢ ᠬᠡᠯᠪᠡᠷᠢ ᠶᠢᠨ ᠪᠣᠬᠢᠷᠳᠣᠯ ᠦᠬᠡᠢ ᠪᠠᠷᠢᠯᠭ᠎ᠠ ᠶᠢ ᠶᠡᠬᠡᠪᠡᠷ ᠬᠦᠭᠵᠢᠭᠦᠯᠵᠦ᠂ ᠵᠠᠰᠠᠭ ᠤᠨ ᠣᠷᠳᠣᠨ ᠠᠴᠠ | ᠪᠡᠯᠡ ᠣᠷᠣᠭᠤᠯᠣᠨ ᠪᠦᠳᠦᠭᠡᠨ ᠪᠠᠶᠢᠭᠤᠯᠬᠤ ᠬᠦᠷᠢᠶᠡᠨ ᠳᠤ ᠪᠣᠬᠢᠷᠳᠣᠯ ᠦᠬᠡᠢ ᠪᠠᠷᠢᠯᠭ᠎ᠠ ᠶᠢᠨ ᠪᠠᠷᠢᠮᠵᠢᠶ᠎ᠡ ᠶᠢ ᠠᠯᠪᠠᠳᠠᠯᠭ᠎ᠠ ᠪᠠᠷ ᠬᠡᠷᠡᠭᠵᠢᠭᠦᠯᠦᠨ᠎ᠡ᠃ | ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠶᠢ ᠴᠢᠩᠭᠠᠳᠬᠠᠨ᠎ᠠ᠃ ᠣᠷᠴᠢᠯ ᠠᠵᠦ ᠠᠬᠤᠢ ᠶᠢ ᠶᠡᠬᠡᠪᠡᠷ ᠬᠦᠭᠵᠢᠭᠦᠯᠵᠦ᠂ ᠣᠷᠴᠢᠯ | ᠠᠵᠦ ᠠᠬᠤᠢ ᠶᠢᠨ ᠵᠢᠱᠢᠶ᠎ᠡ ᠦᠵᠡᠬᠦᠯᠬᠦ ᠨᠢᠬᠡ ᠪᠦᠯᠦᠭ ᠠᠵᠦ ᠠᠬᠤᠶᠢᠯᠠᠯ ᠪᠣᠯᠣᠨ ᠵᠢᠱᠢᠶ᠎ᠡ ᠦᠵᠡᠬᠦᠯᠬᠦ ᠬᠦᠷᠢᠶᠡᠯᠡᠩ ᠲᠣᠭᠤᠷᠢᠭ ᠢ ᠪᠦᠳᠦᠭᠡᠨ ᠪᠠᠶᠢᠭᠤᠯᠵᠦ᠂ ᠨᠣᠨᠳᠠᠭ | ᠨᠡᠭᠦᠷᠡᠰᠦᠨ ᠤ ᠦᠨᠡᠰᠦ᠂ ᠨᠡᠭᠦᠷᠡᠰᠦᠨ ᠴᠢᠯᠠᠭᠤ᠂ ᠲᠡᠮᠦᠷᠯᠢᠭ ᠬᠠᠶᠢᠯᠣᠭᠤᠯᠬᠤ ᠬᠢᠮᠢ ᠶᠢᠨ ᠠᠵᠦ ᠦᠢᠯᠡᠳᠪᠦᠷᠢ ᠶᠢᠨ ᠬᠠᠶᠠᠭᠳᠠᠯ ᠰᠢᠭᠠᠷᠦ ᠵᠡᠷᠬᠡ ᠠᠵᠦ ᠦᠢᠯᠡᠳᠪᠦᠷᠢ | ᠶᠢᠨ ᠬᠠᠶᠠᠭᠳᠠᠮᠠᠯ ᠪᠣᠳᠠᠰ ᠢ ᠠᠰᠢᠭᠯᠠᠬᠤ ᠶᠢ ᠲᠦᠯᠬᠢᠨ ᠠᠬᠢᠭᠤᠯᠣᠨ᠎ᠠ᠃ ᠣᠰᠣᠨ ᠤ ᠡᠬᠢ ᠪᠠᠶᠠᠯᠢᠭ ᠤᠨ ᠬᠠᠮᠢᠶᠠᠷᠣᠯᠳᠡ ᠶᠢᠨ ᠬᠠᠮᠤᠭ ᠤᠨ ᠴᠢᠩᠭ᠎ᠠ ᠲᠦᠷᠢᠮ ᠢ | ᠬᠡᠷᠡᠭᠵᠢᠭᠦᠯᠵᠦ᠂ ᠭᠠᠵᠠᠷ ᠲᠣᠣᠷᠡᠬᠢ ᠣᠰᠣ ᠶᠢ ᠠᠷᠪᠢᠯᠠᠵᠦ ᠬᠠᠮᠠᠭᠠᠯᠠᠬᠤ ᠶᠢ ᠴᠢᠩᠭᠠᠳᠬᠠᠨ᠂ ᠭᠠᠵᠠᠷ ᠲᠣᠣᠷᠡᠬᠢ ᠣᠰᠣ ᠶᠢ ᠬᠡᠷᠡᠭᠯᠡᠨ ᠣᠰᠣ ᠶᠡᠭᠡ ᠬᠤᠷᠣᠭᠳᠠᠭᠤᠯᠬᠤ | ᠠᠵᠦ ᠦᠢᠯᠡᠰ ᠢ ᠬᠦᠭᠵᠢᠬᠦᠯᠬᠦ ᠶᠢ ᠴᠢᠩᠭ᠎ᠠ ᠴᠠᠭᠠᠵᠠᠯᠠᠨ᠎ᠠ᠃ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ᠂ ᠭᠠᠵᠠᠷ ᠤᠨ ᠭᠠᠮᠰᠢᠭ ᠬᠢᠭᠡᠳ ᠨᠡᠭᠦᠷᠡᠰᠦᠨ | ᠠᠭᠤᠷᠬᠠᠢ ᠶᠢᠨ ᠭᠠᠯ ᠨᠣᠴᠣᠭᠰᠠᠨ ᠣᠷᠣᠨ᠂ ᠲᠣᠷᠣᠭᠰᠢ ᠰᠠᠭᠤᠭᠰᠠᠨ ᠣᠷᠣᠨ ᠢ ᠵᠠᠰᠠᠬᠤ ᠶᠢ ᠴᠢᠩᠭᠠᠳᠬᠠᠨ᠂ ᠡᠯᠡᠰᠦ ᠮᠠᠩᠬ᠎ᠠ ᠡᠯᠡᠰᠦᠷᠬᠡᠭ ᠭᠠᠵᠠᠷ ᠪᠣᠯᠣᠨ ᠬᠦᠷᠦᠰᠦ | ᠰᠢᠷᠦᠢ ᠶᠢᠨ ᠢᠳᠡᠭᠳᠡᠯ ᠢ ᠵᠠᠰᠠᠬᠤ ᠪᠠ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠴᠢᠩᠭᠠᠷᠠᠭᠤᠯᠣᠨ᠎ᠠ᠃ ᠬᠡᠨ ᠠᠰᠢᠭ ᠬᠦᠷᠳᠡᠵᠦ ᠪᠠᠶᠢᠪᠠᠯ ᠲᠡᠭᠦᠨ ᠢᠶᠠᠷ | ᠨᠦᠬᠦᠪᠦᠷᠢᠯᠡᠭᠦᠯᠬᠦ ᠵᠠᠷᠴᠢᠮ ᠢ ᠪᠠᠷᠢᠮᠳᠠᠯᠠᠨ᠂ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠳᠣ ᠣᠷᠣᠨ ᠤ ᠠᠮᠢ ᠠᠬᠤᠢ ᠳᠤ ᠨᠦᠬᠦᠪᠦᠷᠢᠯᠡᠬᠦ ᠲᠣᠭᠳᠠᠴᠠ ᠶᠢ | ᠲᠡᠭᠦᠯᠳᠡᠷᠵᠢᠭᠦᠯᠵᠦ᠂ ᠡᠬᠢ ᠪᠠᠶᠠᠯᠢᠭ ᠢ ᠨᠡᠬᠡᠬᠡᠨ ᠠᠰᠢᠭᠯᠠᠬᠤ ᠶᠢ ᠲᠠᠷᠢᠶᠠᠴᠢᠨ ᠮᠠᠯᠴᠢᠳ ᠤᠨ ᠠᠰᠢᠭ ᠲᠣᠰᠠ ᠯᠤᠭ᠎ᠠ ᠵᠣᠯᠭᠠᠯᠳᠣᠭᠤᠯᠬᠤ ᠲᠣᠭᠳᠠᠴᠠ ᠶᠢ ᠪᠠᠶᠢᠭᠤᠯᠣᠨ᠂ | ᠡᠶ᠎ᠡ ᠵᠣᠬᠢᠴᠠᠯ ᠲᠠᠢ ᠠᠭᠤᠷᠬᠠᠢ ᠶᠢᠨ ᠣᠷᠣᠨ᠂ ᠪᠣᠬᠢᠷᠳᠣᠯ ᠦᠬᠡᠢ ᠠᠭᠤᠷᠬᠠᠢ ᠶᠢᠨ ᠣᠷᠣᠨ ᠢ ᠪᠦᠳᠦᠭᠡᠨ ᠪᠠᠶᠢᠭᠤᠯᠬᠤ ᠶᠢ ᠲᠦᠯᠬᠢᠨ ᠠᠬᠢᠭᠤᠯᠣᠨ᠎ᠠ᠃ ᠠᠭᠠᠷ ᠮᠠᠨᠳᠠᠯ 365赢多少钱会被限额_国内有真正的365平台吗_365bet博彩官网 | ᠤᠨ ᠪᠣᠬᠢᠷᠳᠣᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢᠨ ᠲᠦᠯᠦᠪᠯᠡᠭᠡ ᠬᠢᠭᠡᠳ ᠲᠦᠬᠦᠷ ᠲᠦᠷᠦ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠵᠦ᠂ ᠠᠷᠢᠭᠤᠨ ᠴᠡᠪᠡᠷ | ᠡᠨᠧᠷᠬᠢ ᠪᠠᠷ ᠣᠷᠣᠯᠠᠭᠤᠯᠬᠤ ᠶᠢ ᠲᠦᠷᠭᠡᠳᠭᠡᠨ ᠭᠡᠷᠡᠭᠵᠢᠭᠦᠯᠵᠦ᠂ ᠡᠯ᠎ᠡ ᠵᠦᠢᠯ ᠤᠨ ᠪᠣᠬᠢᠷᠳᠣᠯ ᠢ ᠪᠦᠬᠦ ᠲᠠᠯ᠎ᠠ ᠪᠠᠷ ᠵᠠᠰᠠᠵᠦ᠂ ᠣᠯᠣᠰ ᠠᠴᠠ ᠪᠠᠭᠤᠯᠭᠠᠭᠰᠠᠨ ᠡᠬᠦᠷᠭᠡ | ᠶᠢ ᠦᠨᠡᠨᠬᠦ ᠪᠠᠳᠣᠯᠠᠭ᠎ᠠ ᠲᠠᠢ ᠪᠡᠶᠡᠯᠡᠭᠦᠯᠦᠨ᠎ᠡ᠃ ᠭᠤᠣᠯᠳᠠᠯᠭ᠎ᠠ ᠲᠠᠢ ᠰᠠᠪᠠ ᠭᠠᠵᠠᠷ᠂ ᠠᠵᠢᠯ ᠲᠦᠷᠦᠯ ᠤᠨ ᠣᠰᠣᠨ ᠤ ᠪᠣᠬᠢᠷᠳᠣᠯ ᠢ ᠰᠡᠷᠭᠡᠶᠢᠯᠡᠨ ᠵᠠᠰᠠᠬᠤ ᠪᠠ ᠬᠦᠨᠳᠣ | ᠲᠡᠮᠦᠷᠯᠢᠭ ᠤᠨ ᠪᠣᠬᠢᠷᠳᠣᠯ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠨ᠂ ᠰᠠᠪᠠ ᠭᠠᠵᠠᠷ᠂ ᠣᠷᠣᠨ ᠪᠦᠰᠡ ᠶᠢᠨ ᠣᠷᠴᠢᠨ ᠲᠣᠭᠤᠷᠢᠨ ᠤ ᠠᠶᠣᠯ ᠦᠬᠡᠢ ᠶᠢ ᠦᠨᠡᠨᠬᠦ | ᠪᠠᠳᠣᠯᠠᠨ᠎ᠠ᠃ | ︵ᠲᠣᠯᠤᠭ᠎ᠠ︶ ᠰᠢᠨ᠎ᠡ ᠮᠠᠶ᠋ᠢᠭ ᠤᠨ ᠬᠤᠳᠠ ᠪᠠᠯᠭᠠᠰᠣᠴᠢᠯᠠᠬᠤ ᠵᠠᠮ ᠢᠶᠠᠷ ᠵᠠᠮᠨᠠᠵᠦ᠂ ᠬᠤᠳᠡ ᠬᠦᠳᠡᠭᠡ ᠶᠢᠨ ᠵᠣᠬᠢᠴᠠᠩᠭᠤᠢ ᠪᠠᠷ ᠬᠦᠭᠵᠢᠬᠦ ᠶᠢ ᠠᠬᠢᠭᠤᠯᠣᠨ᠎ᠠ | ᠬᠤᠳᠡ ᠬᠦᠳᠡᠭᠡ ᠶᠢᠨ ᠲᠦᠯᠦᠪᠵᠢᠭᠦᠯᠭᠡ ᠶᠢᠨ ᠬᠦᠳᠦᠯᠦᠨ ᠵᠢᠯᠣᠭᠤᠳᠬᠤ ᠪᠠ ᠲᠣᠬᠢᠷᠠᠭᠤᠯᠣᠨ ᠡᠵᠡᠮᠳᠡᠬᠦ ᠦᠢᠯᠡᠳᠣᠯ ᠢ ᠪᠠᠳᠠᠷᠠᠭᠤᠯᠣᠨ᠎ᠠ᠃ ᠬᠦᠮᠦᠨ ᠢᠶᠠᠷ | ᠦᠨᠳᠣᠰᠣ ᠪᠣᠯᠭᠠᠬᠤ᠂ ᠠᠵᠦ ᠦᠢᠯᠡᠳᠪᠦᠷᠢᠵᠢᠭᠦᠯᠬᠦ᠂ ᠮᠡᠳᠡᠭᠡ ᠵᠠᠩᠭᠢᠵᠢᠭᠤᠯᠬᠤ᠂ ᠬᠤᠳᠠ ᠪᠠᠯᠭᠠᠰᠣᠴᠢᠯᠠᠬᠤ᠂ ᠲᠡᠷᠢᠶᠠᠯᠠᠩ ᠮᠠᠯ ᠠᠵᠦ ᠠᠬᠤᠢ ᠶᠢᠨ ᠣᠳᠣᠬᠢᠴᠢᠯᠠᠬᠤ | ᠶᠢ ᠵᠡᠷᠭᠡ ᠳᠤ ᠨᠢ ᠬᠦᠭᠵᠢᠭᠦᠯᠬᠦ᠂ ᠰᠢᠨᠵᠢᠯᠡᠬᠦ ᠣᠬᠠᠭᠠᠨᠴᠢ ᠪᠠᠷ ᠪᠠᠶᠢᠷᠢᠯᠠᠭᠤᠯᠬᠤ᠂ ᠪᠣᠬᠢᠷᠳᠣᠯ ᠦᠬᠡᠢ ᠬᠦᠭᠵᠢᠬᠦᠯᠬᠦ᠂ ᠰᠣᠶᠣᠯ ᠢ ᠣᠯᠠᠮᠵᠢᠯᠠᠬᠤ ᠰᠢᠨ᠎ᠡ ᠮᠠᠶ᠋ᠢᠭ ᠤᠨ | ᠬᠤᠳᠠ ᠪᠠᠯᠭᠠᠰᠣᠴᠢᠯᠠᠬᠤ ᠵᠠᠮ ᠢᠶᠠᠷ ᠵᠠᠮᠨᠠᠬᠤ ᠶᠢ ᠪᠠᠷᠢᠮᠳᠠᠯᠠᠨ᠂ ᠬᠤᠳᠠ ᠪᠠᠯᠭᠠᠰᠤ ᠶᠢᠨ ᠶᠡᠷᠦᠩᠬᠡᠢ ᠲᠦᠯᠦᠪᠵᠢᠭᠦᠯᠭᠡ ᠪᠤᠯᠤᠨ ᠡᠵᠡᠮᠰᠢᠯ ᠤᠨ ᠴᠢᠨᠠᠷᠲᠠᠢ ᠨᠠᠷᠢᠨ | ᠲᠣᠳᠣᠷᠬᠠᠢ ᠲᠦᠯᠦᠪᠵᠢᠭᠦᠯᠭᠡ ᠶᠢ ᠰᠢᠨᠵᠢᠯᠡᠬᠦ ᠣᠬᠠᠭᠠᠨᠴᠢ ᠪᠠᠷ ᠨᠠᠶᠢᠷᠠᠭᠤᠯᠤᠨ ᠵᠤᠬᠢᠶᠠᠵᠣ᠂ ᠶᠡᠭᠡ ᠲᠤᠮᠳᠠᠪᠠᠭᠠ ᠬᠤᠳᠠ ᠪᠠ ᠪᠠᠭ᠎ᠠ ᠬᠤᠳᠠ ᠪᠠᠯᠭᠠᠰᠣ ᠶᠢᠨ | ᠵᠣᠬᠢᠴᠠᠩᠭᠤᠢ ᠪᠠᠷ ᠬᠦᠭᠵᠢᠬᠦ᠂ ᠠᠵᠣ ᠦᠢᠯᠡᠰ ᠪᠣᠯᠣᠨ ᠬᠤᠳᠠ ᠪᠠᠯᠭᠠᠰᠦ ᠨᠡᠶᠢᠯᠡᠵᠦ ᠬᠦᠭᠵᠢᠬᠦ᠂ ᠬᠤᠳᠠ ᠪᠠᠯᠭᠠᠰᠣᠴᠢᠯᠠᠯᠳᠠ ᠪᠠ ᠰᠢᠨ᠎ᠡ ᠲᠠᠷᠢᠶᠠᠯᠠᠬᠤ ᠮᠠᠯᠵᠢᠬᠤ | ᠤᠷᠤᠨ ᠤ ᠪᠦᠳᠦᠭᠡᠨ ᠪᠠᠶᠢᠭᠤᠯᠤᠳᠠ ᠶᠢ ᠵᠤᠬᠢᠴᠠᠩᠭᠤᠢ ᠪᠠᠷ ᠲᠦᠯᠬᠢᠨ ᠠᠬᠢᠭᠤᠯᠬᠤ ᠶᠢ ᠢᠳᠡᠪᠬᠢᠲᠠᠢ ᠪᠠᠷ ᠬᠦᠳᠦᠯᠦᠨ ᠵᠢᠯᠣᠭᠤᠳᠣᠨ᠎ᠠ᠃ ᠡᠷᠦᠬᠡ ᠠᠮᠠ ᠶᠢᠨ ᠬᠠᠷᠢᠶ᠎ᠠ᠂ | ᠭᠠᠵᠠᠷ ᠰᠢᠷᠦᠢ᠂ ᠣᠷᠣᠨ ᠰᠠᠭᠤᠴᠠ ᠂ ᠣᠯᠠᠨ ᠨᠡᠶᠢᠳᠡ ᠶᠢᠨ ᠦᠨᠳᠦᠰᠦᠨ ᠦᠢᠯᠡᠴᠢᠯᠡᠭᠡᠨ ᠵᠡᠷᠭᠡ ᠲᠦᠭᠦᠷ ᠲᠦᠷᠦ ᠶᠢᠨ ᠪᠤᠳᠣᠯᠭ᠎ᠠ ᠶᠢ ᠰᠣᠳᠣᠯᠣᠨ ᠲᠣᠭᠳᠠᠭᠠᠵᠣ᠂ | ᠲᠣᠷᠰᠢᠯᠳᠠ ᠶᠢᠨ ᠴᠢᠭ᠋ ᠢᠶᠠᠷ ᠵᠢᠱᠢᠶ᠎ᠠ ᠦᠵᠡᠭᠦᠯᠬᠦ ᠶᠢ ᠲᠦᠷᠭᠡᠳᠭᠡᠨ ᠦᠷᠨᠢᠭᠦᠯᠵᠤ᠂ ᠲᠠᠷᠢᠶᠠᠯᠠᠩ ᠮᠠᠯ ᠠᠵᠤ ᠠᠬᠤᠢ ᠠᠴᠠ ᠰᠢᠯᠵᠢᠭᠰᠡᠨ ᠬᠦᠮᠦᠨ ᠠᠮᠠ ᠶᠢ ᠬᠤᠳᠠ | ᠶᠢᠨ ᠠᠷᠠᠳ ᠪᠤᠯᠭᠠᠬᠤ ᠶᠢ ᠲᠦᠯᠬᠢᠨ ᠠᠬᠢᠭᠤᠯᠵᠤ᠂ ᠣᠯᠠᠨ ᠨᠡᠶᠢᠳᠡ ᠶᠢᠨ ᠦᠨᠳᠦᠰᠦᠨ ᠦᠢᠯᠡᠴᠢᠯᠡᠭᠡᠨ ᠢ ᠡᠷᠬᠡ ᠲᠡᠭᠰᠢ ᠪᠠᠷ ᠬᠦᠷᠳᠡᠭᠡᠬᠦ ᠶᠢᠨ ᠬᠠᠮᠲᠦ ᠡᠷᠦᠬᠡ ᠠᠮᠠ | ᠶᠢᠨ ᠬᠠᠷᠢᠶ᠎ᠠ ᠶᠢᠨ ᠬᠦᠮᠦᠨ ᠠᠮᠠ ᠠᠴᠠ ᠪᠠᠶᠢᠩᠭᠤ ᠰᠠᠭᠤᠭ᠎ᠠ ᠬᠦᠮᠦᠨ ᠠᠮᠠ ᠲᠡᠰᠢ ᠪᠦᠬᠦᠨ ᠢ ᠬᠠᠮᠣᠷᠣᠭᠤᠯᠬᠤ ᠶᠢ ᠪᠡᠶᠡᠯᠡᠭᠦᠯᠦᠨ᠎ᠡ᠃ | ᠬᠤᠳᠠ ᠪᠠᠯᠭᠠᠰᠦ ᠶᠢᠨ ᠪᠠᠶᠢᠷᠢᠰᠢᠭᠤᠯᠣᠯ ᠪᠤᠯᠤᠨ ᠬᠡᠯᠪᠡᠷᠢ ᠪᠠᠶᠢᠳᠠᠯ ᠢ ᠰᠢᠯᠢᠳᠡᠭᠵᠢᠭᠦᠯᠦᠨ᠎ᠡ᠃ ᠣᠯᠠᠨ ᠲᠦᠪ ᠢᠶᠠᠷ ᠲᠠᠶᠢᠴᠢᠯᠠᠬᠤ᠂ ᠣᠯᠠᠨ ᠵᠠᠩᠬᠢᠯᠠᠭ᠎ᠠ ᠴᠢᠭ᠋ | ᠢᠶᠠᠷ ᠲᠤᠯᠭᠠᠭᠤᠷᠢᠯᠠᠭᠤᠯᠬᠤ ᠶᠢ ᠪᠠᠷᠢᠮᠳᠠᠯᠠᠨ᠂ ᠶᠡᠭᠡ ᠪᠠᠷ ᠪᠠᠭ᠎ᠠ ᠶᠢ ᠲᠠᠶᠢᠴᠢᠯᠠᠭᠰᠠᠨ᠂ ᠶᠡᠭᠡ ᠲᠣᠮᠳᠠ ᠪᠠᠭ᠎ᠠ ᠬᠤᠳᠠ ᠪᠠ ᠪᠠᠭ᠎ᠠ ᠬᠤᠳᠠ ᠪᠠᠯᠭᠠᠰᠦ ᠵᠣᠬᠢᠴᠠᠩᠭᠤᠢ ᠪᠠᠷ | ᠬᠦᠭᠵᠢᠭᠰᠡᠨ ᠬᠤᠳᠠ ᠪᠠᠯᠭᠠᠰᠣᠴᠢᠯᠠᠬᠤ ᠰᠢᠨ᠎ᠡ ᠪᠠᠶᠢᠷᠢᠰᠢᠯ ᠢ ᠴᠣᠭᠴᠠᠯᠠᠨ ᠪᠠᠶᠢᠭᠤᠯᠤᠨ᠎ᠠ᠃ ᠬᠦᠬᠡᠬᠤᠳᠠ ᠪᠣᠭᠤᠲᠦ ᠣᠷᠳᠣᠰ ᠲᠡᠮᠡᠭᠡᠲᠦ ᠶᠢᠨ ᠬᠤᠳᠠ ᠶᠢᠨ ᠪᠦᠭᠡᠮᠨᠡᠷᠡᠯ | ᠤᠨ ᠲᠤᠬᠠᠢ ᠣᠯᠣᠰ ᠤᠨ ᠲᠦᠯᠦᠪᠵᠢᠭᠦᠯᠭᠡ ᠶᠢ ᠨᠠᠶᠢᠳᠠᠪᠦᠷᠢᠵᠢᠭᠤᠯᠤᠨ᠂ ᠬᠦᠬᠡᠬᠤᠳᠠ ᠪᠣᠭᠤᠲᠦ ᠣᠷᠳᠣᠰ ᠤᠨ ᠬᠤᠳᠠ ᠶᠢᠨ ᠪᠦᠭᠡᠮᠨᠡᠷᠡᠯ ᠤᠨ ᠪᠦᠳᠦᠭᠡᠨ | ᠪᠠᠶᠢᠭᠤᠯᠤᠳᠠ ᠶᠢ ᠲᠦᠯᠬᠢᠨ ᠠᠬᠢᠭᠤᠯᠵᠤ᠂ ᠴᠢᠳᠠᠮᠵᠢ ᠪᠠᠷ ᠢᠶᠠᠨ ᠬᠠᠷᠢᠯᠴᠠᠨ ᠨᠦᠬᠦᠪᠦᠷᠢᠯᠡᠬᠦ᠂ ᠠᠵᠣ ᠦᠢᠯᠡᠰ ᠢᠶᠠᠷ ᠢᠶᠠᠨ ᠬᠠᠷᠢᠯᠴᠠᠨ ᠲᠣᠰᠠᠯᠠᠬᠤ ᠶᠢ ᠠᠬᠢᠭᠤᠯᠤᠨ᠂ | ᠵᠡᠷᠭᠡᠴᠡᠨ ᠬᠤᠯᠪᠣᠯᠳᠣᠬᠤ ᠬᠡᠯᠪᠡᠷᠢ ᠪᠠ ᠪᠦᠯᠬᠦᠮ ᠪᠠᠶᠢᠭᠤᠯᠬᠤ ᠬᠡᠯᠪᠡᠷᠢ ᠶᠢᠨ ᠬᠦᠭᠵᠢᠯᠳᠡ ᠶᠢ ᠪᠡᠶᠡᠯᠡᠭᠦᠯᠦᠨ᠂ ᠪᠦᠬᠦ ᠣᠷᠣᠨ ᠤ ᠬᠦᠭᠵᠢᠯᠳᠡ ᠶᠢ ᠣᠳᠣᠷᠢᠳᠣᠨ | ᠲᠠᠭᠠᠭᠤᠯᠣᠭᠰᠠᠨ ᠴᠢᠬᠤᠯᠠ ᠨᠡᠮᠡᠭᠳᠡᠯ ᠤᠨ ᠲᠦᠢᠯ ᠢ ᠪᠤᠢ ᠪᠤᠯᠭᠠᠨ᠎ᠠ᠃ ᠬᠦᠬᠡᠬᠤᠳᠠ ᠶᠢᠨ ᠪᠦᠳᠦᠭᠡᠨ ᠪᠠᠶᠢᠭᠤᠯᠤᠯᠳᠠ ᠶᠢᠨ ᠬᠠᠮᠢᠶᠠᠷᠣᠯᠳᠠ ᠶᠢᠨ ᠬᠢᠷᠢ ᠬᠡᠮᠵᠢᠶ᠎ᠡ ᠶᠢ | ᠲᠡᠭᠡᠭᠰᠢᠯᠡᠭᠦᠯᠵᠤ᠂ ᠣᠷᠣᠨ ᠤ ᠲᠦᠪ ᠬᠤᠳᠠ ᠶᠢᠨ ᠵᠢᠱᠢᠶ᠎ᠠ ᠦᠵᠡᠭᠦᠯᠦᠨᠲ᠋ᠠᠶᠢᠴᠢᠯᠠᠨ ᠲᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠣᠨ᠎ᠠ᠃ ᠠᠶᠢᠮᠠᠭ ᠬᠤᠳᠠ | ᠶᠢᠨ ᠪᠠᠶᠢᠭ᠎ᠠ ᠭᠠᠵᠠᠷ ᠤᠨ ᠲᠦᠪ ᠬᠤᠳᠠ ᠶᠢᠨ ᠲᠤᠭᠤᠷᠢᠭ ᠢᠶᠠᠷ ᠭᠤᠤᠯᠳᠠᠯᠭ᠎ᠠ ᠪᠤᠯᠭᠠᠨ᠂ ᠨᠡᠭᠡᠭᠡᠨ ᠬᠦᠭᠵᠢᠭᠦᠯᠬᠦ ᠬᠦᠴᠦᠯᠡᠴᠡ ᠶᠢ ᠰᠢᠨᠵᠢᠯᠡᠬᠦ ᠣᠬᠠᠭᠠᠨ ᠪᠠᠷ | ᠲᠤᠬᠢᠷᠠᠭᠤᠯᠵᠣ᠂ ᠨᠡᠭᠡᠭᠡᠨ ᠬᠦᠭᠵᠢᠭᠦᠯᠬᠦ ᠵᠠᠭᠠᠭ ᠢ ᠵᠦᠢ ᠵᠣᠬᠢᠰᠲᠠᠢ ᠢᠯᠭᠠᠨ ᠲᠤᠭᠳᠠᠭᠠᠵᠣ᠂ ᠣᠯᠣᠰ ᠤᠨ ᠭᠠᠵᠠᠷ ᠰᠢᠷᠦᠢ ᠶᠢᠨ ᠣᠷᠣᠨ ᠵᠠᠢ ᠶᠢ ᠲᠡᠩᠴᠡᠭᠦᠷᠢᠲᠠᠢ | ᠨᠡᠭᠡᠭᠡᠨ ᠬᠦᠭᠵᠢᠭᠦᠯᠬᠦ ᠶᠢ ᠲᠦᠯᠬᠢᠨ ᠠᠬᠢᠭᠤᠯᠵᠤ᠂ ᠣᠷᠣᠨ ᠪᠦᠰᠡ ᠶᠢᠨ ᠴᠢᠨᠠᠷᠲᠠᠢ ᠲᠦᠪ ᠬᠤᠳᠠ ᠶᠢ ᠬᠦᠴᠦᠷᠭᠡᠭᠵᠢᠭᠦᠯᠦᠨ᠂ ᠣᠷᠣᠨ ᠪᠦᠰᠡ ᠶᠢᠨ ᠬᠦᠭᠵᠢᠯᠳᠡ ᠶᠢ | ᠲᠠᠶᠢᠴᠢᠯᠠᠨ᠎ᠠ᠃ ᠰᠢᠶᠠᠨ ᠤ ᠬᠤᠳᠠ ᠶᠢᠨ ᠪᠠᠭᠳᠠᠭᠠᠮᠵᠢ ᠶᠢ ᠦᠷᠭᠡᠳᠭᠡᠨ ᠴᠢᠨᠠᠷ ᠢ ᠲᠡᠭᠡᠭᠰᠢᠯᠡᠭᠦᠯᠬᠦ ᠪᠠᠷ ᠭᠤᠤᠯᠳᠠᠯᠭ᠎ᠠ ᠪᠤᠯᠭᠠᠨ᠂ ᠬᠤᠳᠠ ᠶᠢᠨ ᠲᠡᠭᠦᠷᠭᠡ ᠪᠠᠯᠭᠠᠰᠦ | ᠪᠤᠯᠤᠨ ᠭᠤᠣᠯᠳᠠᠯᠭ᠎ᠠ ᠲᠠᠢ ᠪᠠᠯᠭᠠᠰᠦ ᠶᠢᠨ ᠪᠦᠳᠦᠭᠡᠨ ᠪᠠᠶᠢᠭᠤᠯᠤᠯᠳᠠ ᠶᠢ ᠰᠠᠶᠢᠳᠣᠷ ᠠᠳᠬᠤᠵᠣ᠂ ᠬᠡᠪᠴᠢᠶ᠎ᠡ ᠨᠢ ᠵᠤᠬᠢᠰᠲᠠᠢ᠂ ᠴᠢᠳᠠᠮᠵᠢ ᠨᠢ ᠪᠦᠷᠢᠨ᠂ | ᠪᠠᠶᠢᠷᠢᠰᠢᠯᠠᠭᠤᠯᠤᠯ ᠨᠢ ᠵᠦᠢ ᠵᠤᠬᠢᠰᠲᠠᠢ᠂ ᠠᠵᠢᠯᠯᠠᠵᠤ ᠠᠮᠢᠳᠣᠷᠠᠬᠤ ᠳᠤ ᠴᠦᠮ ᠲᠤᠬᠢᠷᠠᠮᠵᠢᠲᠠᠢ ᠣᠨᠴᠠᠯᠢᠭᠲᠦ ᠬᠤᠳᠠ ᠪᠠᠯᠭᠠᠰᠦ ᠶᠢᠨ ᠰᠢᠰᠲ᠋ᠧᠮᠵᠢ ᠶᠢ ᠪᠤᠢ ᠪᠤᠯᠭᠠᠨ᠎ᠠ᠃ | | ᠬᠤᠳᠠ ᠶᠢᠨ ᠪᠦᠳᠦᠭᠡᠨ ᠪᠠᠶᠢᠭᠤᠯᠤᠯᠳᠠ ᠶᠢᠨ ᠬᠠᠮᠢᠶᠠᠷᠣᠯᠳᠠ ᠶᠢᠨ ᠬᠢᠷᠢ ᠬᠡᠮᠵᠢᠶ᠎ᠡ ᠶᠢ ᠲᠡᠭᠡᠭᠰᠢᠯᠡᠭᠦᠯᠦᠨ᠎ᠡ᠃ ᠭᠠᠵᠠᠷ ᠰᠢᠷᠣᠢ ᠶᠢᠨ ᠠᠰᠢᠭᠯᠠᠮᠵᠢ ᠶᠢ | ᠲᠡᠭᠡᠭᠰᠢᠯᠡᠭᠦᠯᠦᠨ᠂ ᠨᠡᠮᠡᠭᠳᠡᠯ ᠢ ᠴᠢᠩᠭ᠎ᠠ ᠬᠢᠵᠠᠭᠠᠷᠯᠠᠵᠤ᠂ ᠦᠯᠡᠳᠡᠭᠡᠯ ᠢ ᠠᠮᠢᠳᠣᠯᠢᠭᠵᠢᠭᠤᠯᠤᠨ᠂ ᠬᠤᠳᠠ ᠪᠠᠯᠭᠠᠰᠦ ᠶᠢᠨ ᠣᠷᠣᠨ ᠵᠠᠢ ᠶᠢᠨ ᠪᠦᠳᠦᠴᠡ ᠶᠢ | ᠰᠢᠯᠢᠳᠡᠭᠵᠢᠭᠦᠯᠵᠤ᠂ ᠬᠤᠳᠠ ᠶᠢᠨ ᠪᠢᠴᠢᠯ ᠣᠷᠣᠨ ᠵᠠᠢ ᠶᠢ ᠵᠠᠰᠠᠬᠤ ᠶᠠᠪᠤᠳᠠᠯ ᠢ ᠰᠠᠶᠢᠳᠣᠷ ᠬᠢᠵᠤ᠂ ᠬᠤᠳᠠ ᠶᠢᠨ ᠶᠠᠪᠤᠳᠠᠯ ᠤᠨ ᠰᠠᠭᠤᠷᠢ ᠪᠡᠯᠡᠳᠭᠡᠮᠵᠢ ᠶᠢᠨ ᠲᠤᠤᠷ | ᠰᠦᠯᠵᠢᠶᠡᠨ ᠤ ᠪᠠᠶᠢᠭᠤᠯᠤᠯᠳᠠ ᠶᠢ ᠴᠢᠩᠭᠠᠳᠬᠠᠨ᠂ ᠬᠦᠮᠦᠰ ᠤᠨ ᠣᠷᠣᠰᠢᠨ ᠰᠠᠭᠤᠬᠤ ᠣᠷᠴᠢᠨ ᠲᠤᠭᠤᠷᠢᠨ ᠪᠠ ᠶᠠᠰᠣ ᠴᠢᠨᠠᠷ ᠢ ᠰᠠᠶᠢᠵᠢᠷᠠᠭᠤᠯᠣᠨ᠎ᠠ᠃ ᠬᠤᠳᠠ ᠶᠢᠨ | ᠪᠦᠳᠦᠭᠡᠨ ᠪᠠᠶᠢᠭᠤᠯᠤᠯᠳᠠ ᠶᠢᠨ ᠪᠡᠯᠡ ᠣᠷᠣᠭᠤᠯᠵᠤ ᠪᠡᠯᠡ ᠲᠤᠬᠢᠷᠠᠭᠤᠯᠬᠤ ᠢᠯᠡ ᠵᠢᠷᠦᠮᠵᠢᠭ᠌ᠰᠠᠨ ᠲᠤᠭᠳᠠᠴᠠ ᠶᠢ ᠪᠠᠶᠢᠭᠤᠯᠵᠤ᠂ ᠬᠤᠳᠠ ᠶᠢᠨ ᠨᠡᠶᠢᠳᠠ ᠶᠢᠨ | ᠬᠡᠷᠡᠭᠯᠡᠭᠡᠨ ᠤ ᠪᠡᠯᠡᠳᠭᠡᠮᠵᠢ ᠳᠤ ᠨᠡᠶᠢᠭᠡᠮ ᠤᠨ ᠬᠦᠷᠦᠩᠭᠡ ᠶᠢᠨ ᠣᠷᠣᠯᠴᠠᠵᠤ ᠡᠵᠡᠩᠨᠡᠬᠦ ᠶᠢ ᠵᠣᠷᠢᠭᠵᠢᠭᠤᠯᠤᠨ᠂ ᠬᠤᠳᠠ ᠪᠠᠯᠭᠠᠰᠣ ᠶᠢᠨ ᠪᠦᠳᠦᠭᠡᠨ ᠪᠠᠶᠢᠭᠤᠯᠤᠯᠳᠠ | ᠶᠢᠨ ᠬᠡᠲᠦ ᠶᠡᠭᠡ ᠦᠷᠢ ᠲᠠᠯᠪᠢᠬᠤ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ ᠣᠶᠣᠨᠲᠦ ᠬᠤᠳᠠ ᠪᠣᠯᠣᠨ ᠨᠡᠶᠢᠭᠡᠮ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢ | ᠲᠦᠷᠭᠡᠳᠭᠡᠨ᠂ ᠬᠤᠳᠠ ᠪᠠᠯᠭᠠᠰᠦ ᠶᠢᠨ ᠬᠦᠭᠵᠢᠯᠳᠡ ᠶᠢᠨ ᠠᠭᠤᠯᠤᠭᠳᠠᠬᠤᠨ ᠪᠠ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠦᠷᠢ ᠶᠢ ᠨᠡᠮᠡᠭᠳᠡᠭᠦᠯᠦᠨ᠎ᠡ᠃ | ᠰᠢᠶᠠᠨ ᠤ ᠬᠡᠪᠴᠢᠶᠠᠨ ᠤ ᠠᠵᠣ ᠠᠬᠤᠢ ᠶᠢ ᠬᠦᠭᠵᠢᠭᠦᠯᠦᠨ ᠪᠤᠵᠠᠭᠠᠶᠢᠷᠠᠭᠤᠯᠣᠨ᠎ᠠ᠃ ᠰᠢᠶᠠᠨ ᠤ ᠬᠡᠪᠴᠢᠶᠠᠨ ᠤ ᠠᠵᠣ ᠠᠬᠤᠢ ᠶᠢᠨ ᠬᠦᠭᠵᠢᠯᠳᠡ ᠶᠢᠨ | ᠲᠦᠯᠦᠪᠵᠢᠭᠦᠯᠭᠡ ᠶᠢ ᠬᠢᠨᠠᠮᠠᠭᠠᠢ ᠨᠠᠶᠢᠳᠠᠪᠦᠷᠢᠵᠢᠭᠤᠯᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠣᠨ ᠣᠨᠴᠠᠯᠢᠭᠲᠦ ᠠᠵᠣ ᠠᠬᠤᠢ ᠶᠢ | ᠬᠦᠭᠵᠢᠭᠦᠯᠵᠤ᠂ ᠭᠤᠤᠯᠯᠠᠭᠴᠢ ᠠᠵᠤ ᠦᠢᠯᠡᠰ ᠢ ᠪᠤᠶᠢᠵᠢᠭᠤᠯᠤᠨ᠂ ᠰᠠᠭᠤᠷᠢ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠳᠠ ᠪᠤᠯᠤᠨ ᠠᠮᠢ ᠠᠬᠤᠢ ᠶᠢᠨ ᠣᠷᠴᠢᠨ | ᠲᠤᠭᠤᠷᠢᠨ ᠤ ᠬᠠᠮᠠᠭᠠᠯᠠᠯᠳᠠ ᠶᠢ ᠴᠢᠩᠭᠠᠳᠬᠠᠵᠣ᠂ ᠬᠤᠳᠠ ᠬᠦᠳᠡᠭᠡ ᠶᠢᠨ ᠬᠦᠭᠵᠢᠯᠳᠡ ᠶᠢ ᠨᠢᠭᠡᠳᠦᠯᠲᠠᠢ ᠲᠦᠯᠦᠪᠯᠡᠨ ᠬᠦᠭᠵᠢᠭᠦᠯᠬᠦ ᠳᠠᠬᠢ ᠰᠢᠶᠠᠨ ᠤ ᠬᠡᠪᠴᠢᠶᠠᠨ ᠤ | ᠠᠵᠣ ᠠᠬᠤᠢ ᠶᠢᠨ ᠰᠠᠭᠤᠷᠢ ᠦᠢᠯᠡᠳᠦᠯ ᠢ ᠭᠦᠢᠴᠡᠳ ᠪᠠᠳᠠᠷᠠᠭᠤᠯᠣᠨ᠎ᠠ᠃ ︽ᠡᠷᠬᠡ ᠶᠢ ᠦᠷᠭᠡᠳᠭᠡᠨ ᠰᠢᠶᠠᠨ ᠢ ᠬᠦᠴᠦᠷᠭᠡᠭᠵᠢᠭᠦᠯᠬᠦ︾ ᠦᠭᠡᠷᠡᠴᠢᠯᠡᠯᠳᠡ ᠶᠢᠨ | ᠲᠤᠷᠰᠢᠯᠳᠠ ᠶᠢᠨ ᠴᠢᠭ᠋ ᠤᠨ ᠠᠵᠢᠯ ᠢ ᠰᠠᠶᠢᠳᠣᠷ ᠠᠳᠬᠤᠨ᠂ ᠰᠢᠶᠠᠨ ᠤ ᠱᠠᠳᠣᠨ ᠤ ᠡᠳ᠋ ᠤᠨ ᠬᠦᠴᠦᠨ ᠤ ᠪᠠᠳᠣᠯᠠᠭ᠎ᠠ ᠶᠢᠨ ᠲᠤᠭᠳᠠᠴᠠ ᠶᠢ ᠲᠡᠭᠦᠯᠳᠡᠷᠵᠢᠭᠦᠯᠵᠤ᠂ | ᠠᠳᠠᠯᠢ ᠪᠤᠰᠤ ᠲᠦᠷᠦᠯ ᠬᠡᠯᠪᠡᠷᠢ ᠶᠢᠨ ᠬᠤᠰᠢᠭᠤ ᠰᠢᠶᠠᠨ ᠢ ᠰᠣᠩᠭᠤᠨ ᠠᠵᠢᠯ ᠡᠷᠬᠡ ᠶᠢ ᠲᠣᠷᠣᠭᠰᠢ ᠪᠠᠭᠤᠯᠭᠠᠬᠤ ᠪᠠ ︽ᠦᠪᠡᠷᠳᠡᠭᠡᠨ ᠵᠠᠰᠠᠬᠤ ᠤᠷᠤᠨ ᠠᠴᠠ | ᠰᠢᠭᠤᠳ ᠬᠠᠮᠢᠶᠠᠷᠬᠤ ᠰᠢᠶᠠᠨ︾ ᠤ ᠡᠳ᠋ ᠤᠨ ᠵᠠᠰᠠᠭ ᠤᠨ ᠦᠭᠡᠷᠡᠴᠢᠯᠡᠯᠳᠡ ᠶᠢ ᠶᠠᠪᠤᠭᠤᠯᠵᠤ᠂ ︽ᠡᠳ᠋ ᠤᠨ ᠵᠠᠰᠠᠭ ᠤᠨ ᠪᠠᠶᠢᠭᠤᠯᠤᠯ ᠢ ᠬᠤᠰᠢᠭᠤ ᠰᠢᠶᠠᠨ ᠬᠦᠷᠳᠡᠯ᠎ᠡ | ᠬᠢᠨᠠᠨ ᠲᠤᠭᠳᠠᠭᠠᠬᠤ᠂ ᠰᠢᠯᠵᠢᠭᠦᠯᠦᠨ ᠣᠯᠭᠤᠬᠤ ᠶᠢ ᠲᠦᠰᠦᠭᠡᠯᠡᠨ ᠪᠤᠳᠤᠬᠤ ᠶᠢᠨ ᠬᠠᠮᠲᠦ ᠬᠤᠰᠢᠭᠤ ᠰᠢᠶᠠᠨ ᠳᠤ ᠬᠦᠷᠳᠡᠯ᠎ᠡ ᠪᠠᠭᠤᠯᠭᠠᠬᠤ᠂ ᠤᠯᠤᠰ ᠤᠨ ᠬᠦᠮᠦᠷᠭᠡ | ᠶᠢᠨ ᠪᠡᠯᠡ ᠮᠦᠩᠭᠦ ᠶᠢ ᠬᠤᠰᠢᠭᠤ ᠰᠢᠶᠠᠨ ᠳᠤ ᠬᠦᠷᠳᠡᠯ᠎ᠡ ᠲᠤᠬᠢᠷᠠᠭᠤᠯᠬᠤ᠂ ᠡᠳ᠋ ᠤᠨ ᠵᠠᠰᠠᠭ ᠤᠨ ᠲᠦᠰᠦᠪ ᠪᠠ ᠲᠦᠰᠦᠪ ᠤᠨ ᠭᠦᠢᠴᠡᠳᠭᠡᠯ ᠢ ᠬᠤᠰᠢᠭᠤ ᠰᠢᠶᠠᠨ | ᠳᠤ ᠬᠦᠷᠳᠡᠯ᠎ᠡ ᠰᠢᠭᠤᠳ ᠬᠢᠬᠦ᠂ ᠣᠷᠣᠨ ᠨᠣᠳᠤᠭ ᠤᠨ ᠵᠠᠰᠠᠭ ᠤᠨ ᠣᠷᠳᠣᠨ ᠤ ᠴᠢᠨᠠᠷᠲᠠᠢ ᠦᠷᠢ ᠰᠢᠷᠢ ᠶᠢ ᠬᠤᠰᠢᠭᠤ ᠰᠢᠶᠠᠨ ᠳᠤ ᠬᠦᠷᠳᠡᠯ᠎ᠡ ᠬᠠᠮᠢᠶᠠᠷᠬᠤ︾ ᠡᠳ᠋ | ᠤᠨ ᠵᠠᠰᠠᠭ ᠤᠨ ᠬᠠᠮᠢᠶᠠᠷᠣᠯᠳᠠ ᠶᠢᠨ ᠠᠷᠭ᠎ᠠ ᠮᠠᠶ᠋ᠢᠭ ᠢ ᠬᠡᠷᠡᠭᠵᠢᠭᠦᠯᠦᠨ᠎ᠡ᠃ | ᠣᠷᠣᠨ ᠪᠦᠰᠡ ᠶᠢᠨ ᠵᠤᠬᠢᠴᠠᠩᠭᠤᠢ ᠪᠠᠷ ᠬᠦᠭᠵᠢᠬᠦ ᠶᠢ ᠠᠬᠢᠭᠤᠯᠤᠨ᠎ᠠ᠃ ᠦᠪᠡᠷᠳᠡᠭᠡᠨ ᠵᠠᠰᠠᠬᠤ ᠤᠷᠤᠨ ᠤ ᠭᠤᠤᠯ ᠴᠤᠭᠴᠠ ᠪᠦᠭᠦᠢ ᠴᠢᠳᠠᠮᠵᠢᠲᠦ ᠣᠷᠣᠨ ᠤ | ᠲᠦᠯᠦᠪᠵᠢᠭᠦᠯᠭᠡ ᠪᠠᠷ ᠬᠤᠳᠠ ᠪᠠᠯᠭᠠᠰᠦ ᠬᠢᠭᠡᠳ ᠠᠵᠣ ᠦᠢᠯᠡᠰ ᠵᠡᠷᠭᠡ ᠡᠯ᠎ᠡ ᠱᠠᠳᠣᠨ ᠤ ᠡᠯ᠎ᠡ ᠲᠦᠷᠦᠯ ᠤᠨ ᠲᠦᠯᠦᠪᠵᠢᠭᠦᠯᠭᠡ ᠶᠢ ᠶᠡᠷᠦᠩᠬᠡᠶᠢᠯᠡᠨ ᠵᠠᠬᠢᠷᠴᠣ᠂ | ᠬᠦᠮᠦᠨ ᠠᠮᠠ ᠶᠢᠨ ᠲᠠᠷᠬᠠᠯᠳᠠ᠂ ᠠᠵᠣ ᠠᠬᠤᠢ ᠶᠢᠨ ᠪᠠᠶᠢᠷᠢᠰᠢᠭᠤᠯᠤᠯ᠂ ᠣᠯᠣᠰ ᠤᠨ ᠭᠠᠵᠠᠷ ᠰᠢᠷᠣᠢ ᠶᠢᠨ ᠠᠰᠢᠭᠯᠠᠯᠳᠠ ᠪᠤᠯᠤᠨ ᠬᠤᠳᠠ ᠪᠠᠯᠭᠠᠰᠣᠴᠢᠯᠠᠬᠤ | ᠬᠦᠭᠵᠢᠯᠳᠡ ᠶᠢ ᠨᠢᠭᠡᠳᠦᠯᠲᠠᠢ ᠲᠦᠯᠦᠪᠯᠡᠨ ᠰᠦᠪᠡᠭᠴᠢᠯᠡᠵᠣ᠂ ᠣᠰᠣᠨ ᠤ ᠡᠬᠢ ᠪᠠᠶᠠᠯᠢᠭ ᠢ ᠰᠢᠨᠵᠢᠯᠡᠬᠦ ᠣᠬᠠᠭᠠᠨᠴᠢ ᠪᠠᠷ ᠲᠤᠬᠢᠷᠠᠭᠤᠯᠵᠣ᠂ ᠡᠨᠧᠷᠬᠢ ᠠᠷᠪᠢᠯᠠᠵᠣ | ᠪᠣᠬᠢᠷᠳᠣᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠭᠦᠢᠴᠡᠳᠭᠡᠬᠦ ᠲᠤᠭ᠎ᠠ ᠶᠢ ᠵᠦᠢ ᠵᠤᠬᠢᠰᠲᠠᠢ ᠲᠤᠭᠳᠠᠭᠠᠨ᠎ᠠ ᠃ ᠬᠠᠳᠣᠨ ᠭᠤᠣᠯ ᠬᠢᠭᠡᠳ ᠭᠤᠤᠯ ᠵᠠᠮ | ᠱᠣᠭᠤᠮ ᠲᠠᠭᠠᠦ ᠶᠢᠨ ᠠᠵᠣ ᠠᠬᠤᠢ ᠶᠢᠨ ᠪᠦᠰᠡ ᠶᠢᠨ ᠬᠦᠭᠵᠢᠯᠳᠡ ᠶᠢᠨ ᠬᠢᠷᠢ ᠬᠡᠮᠵᠢᠶ᠎ᠡ ᠶᠢ ᠲᠡᠭᠡᠭᠰᠢᠯᠡᠭᠦᠯᠵᠣ᠂ ᠦᠪᠦᠷ ᠮᠣᠩᠭᠤᠯ ᠤᠨ ᠪᠠᠷᠠᠭᠤᠨ ᠬᠡᠰᠡᠭ ᠤᠨ 22 | ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢ ᠬᠦᠴᠦᠯᠡᠨ ᠰᠠᠶᠢᠳᠣᠷ ᠠᠳᠬᠤᠵᠣ᠂ ᠦᠢᠯᠡᠳᠪᠦᠷᠢᠯᠡᠯ ᠤᠨ | ᠴᠢᠬᠤᠯᠠ ᠬᠦᠴᠦᠨ ᠵᠦᠢᠯ ᠢ ᠵᠦᠢ ᠵᠣᠬᠢᠰᠲᠠᠢ ᠲᠤᠬᠢᠷᠠᠭᠤᠯᠬᠤ ᠪᠠ ᠠᠵᠣ ᠦᠢᠯᠡᠰ ᠤᠨ ᠬᠠᠷᠢᠯᠴᠠᠨ ᠨᠦᠬᠦᠪᠦᠷᠢᠯᠡᠵᠣ ᠬᠠᠮᠳᠣᠷᠠᠨ ᠬᠦᠳᠡᠯᠣᠯᠴᠡᠬᠦ ᠶᠢ ᠬᠦᠳᠦᠯᠦᠨ | ᠵᠢᠯᠤᠭᠤᠳᠴᠣ᠂ ᠲᠦᠪᠯᠡᠷᠡᠵᠤ ᠴᠣᠭᠯᠠᠷᠠᠨ ᠡᠷᠴᠢᠮᠯᠢᠭ ᠬᠦᠭᠵᠢᠬᠦ ᠶᠢ ᠠᠬᠢᠭᠤᠯᠤᠨ᠎ᠠ᠃ ᠵᠡᠭᠦᠨ ᠬᠡᠰᠡᠭ ᠤᠨ ᠠᠶᠢᠮᠠᠭ ᠬᠤᠳᠠ ᠶᠢᠨ ᠬᠦᠭᠵᠢᠯᠳᠡ ᠶᠢ ᠲᠦᠷᠭᠡᠳᠭᠡᠨ᠂ | ᠭᠤᠤᠯᠳᠠᠯᠭ᠎ᠠ ᠲᠠᠢ ᠠᠵᠤ ᠦᠢᠯᠡᠰ ᠤᠨ ᠬᠦᠭᠵᠢᠯᠳᠡ ᠶᠢᠨ ᠲᠦᠯᠦᠪᠵᠢᠭᠦᠯᠭᠡ ᠶᠢ ᠨᠠᠶᠢᠳᠠᠪᠦᠷᠢᠵᠢᠭᠤᠯᠵᠤ᠂ 13 ᠭᠤᠣᠯᠳᠠᠯᠭ᠎ᠠ ᠲᠠᠢ ᠠᠵᠣ ᠦᠢᠯᠡᠳᠪᠦᠷᠢ ᠶᠢᠨ | ᠬᠦᠷᠢᠶᠡᠯᠡᠩ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠨ᠂ ᠭᠤᠤᠯᠯᠠᠬᠤ ᠠᠵᠣ ᠦᠢᠯᠡᠰ ᠬᠢᠭᠡᠳ ᠠᠮᠢ ᠠᠬᠤᠢ ᠶᠢᠨ ᠬᠠᠮᠠᠭᠠᠯᠠᠯᠳᠠ᠂ ᠰᠢᠨ᠎ᠡ | ᠲᠠᠷᠢᠶᠠᠯᠠᠬᠤ ᠮᠠᠯᠵᠢᠬᠤ ᠣᠷᠣᠨ ᠤ ᠪᠦᠳᠦᠭᠡᠨ ᠪᠠᠶᠢᠭᠤᠯᠤᠯᠳᠠ ᠶᠢᠨ ᠵᠤᠬᠢᠴᠠᠩᠭᠤᠢ ᠬᠠᠮᠳᠣᠪᠡᠷ ᠬᠦᠭᠵᠢᠬᠦ ᠶᠢ ᠲᠦᠯᠬᠢᠨ ᠠᠬᠢᠭᠤᠯᠵᠤ᠂ ᠪᠡᠶ᠎ᠡ ᠪᠠᠨ ᠲᠠᠭᠠᠭᠠᠵᠣ ᠬᠦᠭᠵᠢᠬᠦ | ᠴᠢᠳᠠᠪᠣᠷᠢ ᠶᠢ ᠪᠣᠶᠢᠵᠢᠭᠤᠯᠣᠨ᠎ᠠ᠃ ᠬᠦᠭᠵᠢᠯᠳᠡ ᠶᠢᠨ ᠰᠠᠭᠤᠷᠢ ᠪᠠᠷ ᠪᠠᠭᠤᠷᠡᠢ ᠭᠠᠵᠠᠷ ᠣᠷᠣᠨ ᠢ ᠬᠠᠪᠰᠣᠷᠣᠨ ᠲᠡᠳᠭᠦᠬᠦ ᠠᠵᠢᠯ ᠢ ᠦᠷᠭᠦᠯᠵᠢᠯᠡᠨ ᠰᠠᠶᠢᠳᠣᠷ ᠬᠢᠵᠤ᠂ | ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠡᠷᠳᠡ ᠴᠢᠯᠦᠭᠡᠯᠡᠭᠳᠡᠭᠰᠡᠨ ᠣᠷᠣᠨ᠂ ᠬᠢᠯᠢ ᠶᠢᠨ ᠣᠷᠣᠨ ᠪᠠ ᠬᠦᠮᠦᠨ ᠠᠮᠠ ᠪᠠᠷ ᠨᠡᠯᠢᠶᠡᠳ ᠴᠦᠭᠡᠨ ᠦᠨᠳᠦᠰᠦᠳᠡᠨ ᠤ | ᠣᠷᠣᠨ ᠢ ᠲᠡᠳᠭᠦᠬᠦ ᠡᠷᠴᠢᠮ ᠢᠶᠠᠨ ᠨᠡᠮᠡᠭᠳᠡᠭᠦᠯᠦᠨ᠎ᠡ᠃ | ︵ᠨᠠᠢᠮᠠ︶ ᠦᠨᠳᠦᠰᠦᠳᠡᠨ ᠤ ᠰᠣᠶᠣᠯ ᠤᠨ ᠬᠦᠴᠦᠷᠬᠡᠭ ᠣᠷᠣᠨ ᠤ ᠪᠠᠶᠢᠭᠤᠯᠤᠯᠳᠠ ᠶᠢ ᠲᠦᠷᠭᠡᠳᠭᠡᠨ᠂ ᠰᠣᠶᠣᠯ ᠤᠨ ᠶᠡᠭᠡ ᠬᠦᠭᠵᠢᠯᠳᠡ ᠴᠡᠴᠡᠭᠯᠡᠯᠳᠡ ᠶᠢ | ᠲᠦᠯᠬᠢᠨ ᠠᠬᠢᠭᠤᠯᠤᠨ᠎ᠠ᠃ | ᠨᠡᠶᠢᠭᠡᠮ ᠵᠢᠷᠦᠮ ᠤᠨ ᠭᠤᠤᠯᠯᠠᠬᠤ ᠦᠷᠳᠡᠭ ᠤᠨ ᠦᠵᠡᠯᠳᠡ ᠶᠢ ᠦᠢᠯᠡᠳᠦᠯᠭᠡᠵᠢᠭᠦᠯᠦᠨ᠎ᠡ᠃ ᠲᠤᠮᠳᠠᠲᠦ ᠣᠯᠣᠰ ᠤᠨ ᠣᠨᠴᠠᠯᠢᠭ ᠪᠦᠬᠦᠢ ᠨᠡᠶᠢᠭᠡᠮ ᠵᠢᠷᠦᠮ ᠪᠠ | ᠲᠤᠮᠳᠠᠲᠦ ᠣᠯᠣᠰ ᠤᠨ ᠵᠡᠭᠦᠲᠦ ᠶᠢᠨ ᠲᠤᠬᠠᠢ ᠣᠬᠠᠭᠤᠯᠭ᠎ᠠ ᠬᠦᠮᠦᠵᠢᠯ ᠢ ᠬᠦᠨᠵᠡᠭᠡᠶᠢᠷᠡᠭᠦᠯᠦᠨ᠂ ᠨᠡᠶᠢᠭᠡᠮ ᠵᠢᠷᠦᠮ ᠤᠨ ᠭᠤᠤᠯᠯᠠᠬᠤ ᠦᠷᠳᠡᠭ ᠤᠨ ᠦᠵᠡᠯᠳᠡ ᠶᠢ | ᠬᠦᠮᠦᠵᠢᠭᠦᠯᠬᠦ ᠪᠠ ᠦᠢᠯᠡᠳᠦᠯᠭᠡᠵᠢᠭᠦᠯᠬᠦ ᠠᠵᠢᠯᠯᠠᠭ᠎ᠠ ᠶᠢ ᠦᠷᠭᠡᠨ ᠢᠶᠠᠷ ᠦᠷᠨᠢᠭᠦᠯᠵᠤ᠂ ︽ᠭᠤᠷᠪᠠ ᠶᠢ ᠰᠠᠨᠠᠭᠠᠴᠢᠯᠠᠬᠤ︾ ᠶᠢ ᠬᠦᠮᠦᠨ ᠤ ᠰᠡᠳᠭᠢᠯ ᠳᠤ | ᠬᠠᠳᠠᠭᠰᠢᠭᠤᠯᠵᠤ᠂ ᠦᠨᠳᠦᠰᠦᠳᠡᠨ ᠨᠦᠭᠦᠳ ᠤᠨ ᠣᠯᠠᠨ ᠲᠦᠮᠡᠨ ᠤ ᠨᠢᠭᠳᠠᠷᠠᠨ ᠪᠦᠯᠬᠦᠮᠳᠡᠵᠣ ᠱᠠᠯᠠᠮᠠᠭᠠᠶᠢᠯᠠᠨ ᠣᠷᠣᠭᠰᠢᠯᠠᠬᠤ ᠬᠦᠴᠦᠷᠬᠡᠭ ᠶᠡᠭᠡ ᠣᠶᠣᠨ ᠰᠠᠨᠠᠭᠠᠨ ᠤ | ᠬᠦᠴᠦᠨ ᠢ ᠨᠢᠭᠳᠠᠷᠠᠭᠤᠯᠤᠨ᠎ᠠ᠃ ᠨᠡᠶᠢᠭᠡᠮ ᠤᠨ ᠶᠣᠰᠣ ᠰᠣᠷᠳᠠᠬᠤᠨ᠂ ᠡᠷᠬᠢᠯᠡᠭᠰᠡᠨ ᠠᠵᠢᠯ ᠤᠨ ᠶᠣᠰᠣ ᠰᠣᠷᠳᠠᠬᠤᠨ᠂ ᠭᠡᠷ ᠪᠦᠯᠢ ᠶᠢᠨ ᠶᠤᠰᠤ ᠰᠣᠷᠳᠠᠬᠤᠨ ᠬᠢᠭᠡᠳ | ᠬᠤᠪᠢ ᠬᠦᠮᠦᠨ ᠤ ᠵᠠᠩ ᠮᠣᠷᠠᠯ ᠤᠨ ᠬᠦᠮᠦᠵᠢᠯ ᠢ ᠴᠢᠩᠭᠠᠳᠬᠠᠨ᠂ ᠨᠠᠰᠣᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠤᠰᠤ ᠮᠣᠷᠠᠯ ᠤᠨ ᠪᠠᠶᠢᠭᠤᠯᠤᠯᠳᠠ ᠪᠠ | ᠣᠶᠣᠳᠠᠳ ᠤᠨ ᠦᠵᠠᠯ ᠰᠠᠨᠠᠭ᠎ᠠ ᠣᠯᠣᠰ ᠲᠦᠷᠦ ᠶᠢᠨ ᠬᠦᠮᠦᠵᠢᠯ ᠢ ᠲᠣᠪᠣᠶᠢᠮ᠎ᠠ ᠰᠠᠶᠢᠳᠣᠷ ᠠᠳᠬᠤᠵᠣ᠂ ᠨᠡᠶᠢᠭᠡᠮ ᠤᠨ ᠢᠳᠡᠭᠡᠮᠵᠢ ᠶᠢᠨ ᠰᠢᠰᠲ᠋ᠧᠮᠵᠢ ᠶᠢᠨ | ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠣᠯᠠᠨ ᠲᠦᠮᠡᠨᠴᠢ ᠴᠢᠨᠠᠷᠲᠠᠢ ᠣᠶᠣᠨ ᠤ ᠪᠤᠯᠪᠠᠰᠣᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠯᠠᠪᠳᠠᠭᠤᠨ ᠪᠠᠳᠣᠲᠠᠢ | ᠦᠷᠨᠢᠭᠦᠯᠵᠤ᠂ ᠠᠷᠠᠳ ᠢᠷᠭᠡᠳ ᠤᠨ ᠶᠣᠰᠣ ᠮᠣᠷᠠᠯ ᠤᠨ ᠬᠡᠪ ᠴᠢᠨᠠᠷ ᠪᠠ ᠨᠡᠶᠢᠭᠡᠮ ᠤᠨ ᠪᠤᠯᠪᠠᠰᠣᠨ ᠤ ᠬᠢᠷᠢ ᠬᠡᠮᠵᠢᠶ᠎ᠡ ᠶᠢ ᠲᠡᠭᠡᠭᠰᠢᠯᠡᠭᠦᠯᠦᠨ᠎ᠡ᠃ ᠰᠣᠨᠢᠨ ᠮᠡᠳᠡᠭᠡᠨ ᠤ | ᠵᠠᠭᠤᠴᠢᠯᠠᠭᠤᠷ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠤ᠂ ᠣᠯᠠᠮᠵᠢᠯᠠᠯᠲᠦ ᠵᠠᠭᠤᠴᠢᠯᠠᠭᠤᠷ ᠪᠤᠯᠤᠨ ᠰᠢᠨ᠎ᠡ ᠪᠠᠷ ᠪᠤᠢ ᠪᠤᠯᠤᠭᠰᠠᠨ ᠵᠠᠭᠤᠴᠢᠯᠠᠭᠤᠷ ᠤᠨ ᠨᠡᠶᠢᠯᠡᠵᠣ | ᠬᠦᠭᠵᠢᠬᠦ ᠶᠢ ᠠᠬᠢᠭᠤᠯᠵᠤ᠂ ᠰᠦᠯᠵᠢᠶᠡᠨ ᠤ ᠬᠠᠮᠢᠶᠠᠷᠣᠯᠳᠠ ᠪᠠ ᠶᠠᠷᠢᠶ᠎ᠠ ᠬᠡᠯᠡᠯᠴᠡᠭᠡᠨ ᠤ ᠬᠦᠳᠦᠯᠦᠨ ᠵᠢᠯᠣᠭᠤᠳᠬᠤ ᠠᠵᠢᠯ ᠢ ᠰᠠᠶᠢᠳᠣᠷ ᠬᠢᠵᠤ᠂ ᠭᠤᠤᠯ ᠵᠣᠷᠢᠭ | ᠰᠠᠨᠠᠭ᠎ᠠ ᠶᠢ ᠪᠠᠳᠠᠷᠠᠭᠤᠯᠣᠨ᠂ ᠲᠦᠪ ᠬᠦᠴᠦᠨ ᠵᠦᠢᠯ ᠢ ᠣᠯᠠᠮᠵᠢᠯᠠᠨ ᠲᠡᠯᠭᠡᠷᠡᠭᠦᠯᠦᠨ᠎ᠡ᠃ | ᠣᠯᠠᠨ ᠨᠡᠶᠢᠳᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠣᠯᠠᠨ ᠨᠡᠶᠢᠳᠡ ᠶᠢᠨ ᠰᠣᠶᠣᠯ ᠤᠨ ᠦᠢᠯᠡᠴᠢᠯᠡᠭᠡᠨ ᠤ | ᠪᠡᠯᠡᠳᠭᠡᠮᠵᠢ ᠶᠢᠨ ᠲᠤᠤᠷ ᠰᠦᠯᠵᠢᠶᠡᠨ ᠤ ᠪᠠᠶᠢᠭᠤᠯᠤᠯᠳᠠ ᠪᠠ ᠬᠠᠮᠢᠶᠠᠷᠣᠯᠳᠠ ᠶᠢ ᠴᠢᠩᠭᠠᠳᠬᠠᠨ᠂ ᠦᠨᠳᠦᠰᠦᠨ ᠱᠠᠳᠣᠨ ᠤ ᠣᠯᠠᠨ ᠨᠡᠶᠢᠳᠡ ᠶᠢᠨ ᠰᠣᠶᠣᠯ ᠤᠨ | ᠪᠡᠯᠡᠳᠭᠡᠮᠵᠢ ᠶᠢ ᠬᠠᠮᠳᠣᠪᠡᠷ ᠪᠠᠶᠢᠭᠤᠯᠤᠨ ᠬᠠᠮᠳᠣᠪᠡᠷ ᠡᠳ᠋ᠯᠡᠬᠦ ᠶᠢ ᠲᠦᠯᠬᠢᠨ ᠠᠬᠢᠭᠤᠯᠵᠤ᠂ ᠰᠣᠶᠣᠯ ᠢᠶᠠᠷ ᠠᠷᠠᠳ ᠲᠤ ᠠᠰᠢᠭ ᠬᠦᠷᠳᠡᠭᠡᠬᠦ ᠭᠤᠤᠯᠳᠠᠯᠭ᠎ᠠ ᠲᠠᠢ | ᠢᠨᠵᠧᠨᠧᠷᠢᠩ ᠪᠤᠯᠤᠨ ᠰᠣᠶᠣᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠬᠡᠷᠡᠭᠵᠢᠭᠦᠯᠵᠤ᠂ ᠨᠣᠮ ᠤᠨ ᠰᠠᠩ᠂ ᠮᠦᠽᠸᠢ᠂ ᠰᠣᠶᠣᠯ ᠤᠨ ᠣᠷᠳᠣᠨ ᠢ | ᠰᠦᠢᠳᠭᠡᠯ ᠬᠤᠷᠢᠶᠠᠬᠤ ᠦᠭᠡᠢ ᠪᠠᠷ ᠨᠡᠶᠢᠭᠡᠮ ᠳᠤ ᠨᠡᠭᠡᠭᠡᠬᠦ ᠠᠵᠢᠯ ᠢ ᠰᠠᠶᠢᠳᠣᠷ ᠬᠢᠨ᠎ᠡ᠃ ᠣᠯᠠᠨ ᠨᠡᠶᠢᠳᠡ ᠶᠢᠨ ᠰᠣᠶᠣᠯ ᠤᠨ ᠦᠢᠯᠡᠴᠢᠯᠡᠭᠡᠨ ᠤ ᠵᠠᠰᠠᠭ ᠤᠨ ᠣᠷᠳᠣᠨ | ᠬᠤᠳᠠᠯᠳᠣᠨ ᠠᠪᠬᠤ ᠭᠠᠷᠴᠠᠭ ᠤᠨ ᠲᠦᠷᠢᠮ ᠢ ᠰᠦᠪᠡᠭᠴᠢᠯᠡᠨ ᠪᠠᠶᠢᠭᠤᠯᠵᠤ᠂ ᠣᠯᠠᠨ ᠨᠡᠶᠢᠳᠡ ᠶᠢᠨ ᠰᠣᠶᠣᠯ ᠤᠨ ᠦᠢᠯᠡᠴᠢᠯᠡᠭᠡᠨ ᠢ ᠦᠨᠡᠯᠡᠨ ᠵᠢᠱᠢᠵᠣ | ᠰᠢᠯᠭᠠᠷᠠᠭᠤᠯᠬᠤ ᠰᠢᠰᠲ᠋ᠧᠮᠵᠢ ᠶᠢ ᠲᠡᠭᠦᠯᠳᠡᠷᠵᠢᠭᠦᠯᠵᠤ᠂ ᠶᠠᠳᠠᠭᠤ ᠬᠦᠴᠢᠷᠳᠡᠯᠲᠠᠢ ᠭᠠᠵᠠᠷ ᠣᠷᠣᠨ ᠤ ᠣᠯᠠᠨ ᠨᠡᠶᠢᠳᠡ ᠶᠢᠨ ᠰᠣᠶᠣᠯ ᠤᠨ ᠦᠢᠯᠡᠰ ᠤᠨ ᠬᠦᠭᠵᠢᠯᠳᠡ ᠶᠢ | ᠲᠦᠷᠭᠡᠳᠭᠡᠨ᠂ ᠣᠯᠠᠨ ᠨᠡᠶᠢᠳᠡ ᠶᠢᠨ ᠰᠣᠶᠣᠯ ᠤᠨ ᠦᠨᠳᠣᠰᠣᠨᠦᠢᠯᠡᠴᠢᠯᠡᠭᠡᠨ ᠤ ᠪᠠᠷᠢᠮᠵᠢᠶᠠᠵᠢᠭᠤᠯᠣᠯᠳᠠ᠂ ᠲᠡᠩᠴᠡᠭᠦᠷᠢᠵᠢᠯᠳᠡ ᠶᠢ ᠠᠬᠢᠭᠤᠯᠤᠨ᠎ᠠ᠂ ᠴᠢᠬᠤᠯᠠ ᠶᠡᠭᠡ | ᠲᠡᠦᠭᠡ ᠶᠢᠨ ᠲᠣᠷᠠᠰᠬᠠᠯᠲᠦ ᠵᠦᠢᠯᠡᠰ ᠢ ᠬᠠᠮᠠᠭᠠᠯᠠᠬᠤ ᠢᠨᠵᠧᠨᠧᠷᠢᠭ ᠢ ᠬᠡᠷᠡᠭᠵᠢᠭᠦᠯᠵᠣ᠂ ᠪᠣᠳᠠᠰ ᠤᠨ ᠪᠣᠰᠣ ᠰᠣᠶᠣᠯ ᠤᠨ ᠦᠪ ᠢ ᠬᠠᠮᠠᠭᠠᠯᠠᠬᠤ ᠡᠷᠴᠢᠮ ᠢ | ᠨᠡᠮᠡᠭᠳᠡᠭᠦᠯᠦᠨ᠂ ᠦᠨᠳᠦᠰᠦᠳᠡᠨ ᠤ ᠰᠣᠶᠣᠯ ᠪᠠ ᠲᠠᠯ᠎ᠠ ᠨᠤᠳᠤᠭ ᠤᠨ ᠰᠣᠶᠣᠯ ᠢ ᠶᠡᠬᠡᠪᠷ ᠣᠯᠠᠮᠵᠢᠯᠠᠨ ᠪᠠᠳᠠᠷᠠᠭᠤᠯᠣᠨ᠎ᠠ᠃ ᠰᠣᠶᠣᠯ ᠤᠨ ᠪᠦᠳᠦᠭᠡᠯ ᠢ ᠡᠭᠦᠳᠦᠨ | ᠭᠠᠷᠭᠠᠬᠤ ᠠᠵᠢᠯ ᠢ ᠴᠢᠩᠭᠠᠳᠬᠠᠨ᠂ ᠭᠠᠵᠠᠷ ᠣᠷᠣᠨ ᠬᠢᠭᠡᠳ ᠦᠨᠳᠦᠰᠦᠳᠡᠨ ᠤ ᠣᠨᠴᠠᠯᠢᠭ ᠢᠶᠠᠷ ᠪᠠᠶᠠᠯᠢᠭ ᠪᠦᠬᠦᠢ ᠨᠢᠭᠡ ᠪᠦᠯᠦᠭ ᠰᠣᠳᠣᠨ ᠪᠦᠳᠦᠭᠡᠯ ᠤᠳ ᠢ ᠪᠤᠢ | ᠪᠤᠯᠭᠠᠨ᠎ᠠ᠃ ᠰᠣᠨᠢᠨ ᠮᠡᠳᠡᠭᠡ ᠬᠡᠪᠯᠡᠯ ᠬᠢᠭᠡᠳ ᠷᠠᠳᠢᠤ᠋ ᠨᠡᠪᠳᠡᠷᠡᠭᠦᠯᠭᠡ ᠺᠢᠨᠤ᠋ ᠲᠧᠯᠸᠢᠰ ᠤᠨ ᠠᠵᠢᠯ ᠢ ᠰᠠᠶᠢᠳᠣᠷ ᠬᠢᠵᠤ᠂ ᠭᠦᠨ ᠣᠬᠠᠭᠠᠨ ᠨᠡᠶᠢᠭᠡᠮ ᠤᠨ ᠰᠢᠨᠵᠢᠯᠡᠬᠦ | ᠣᠬᠠᠭᠠᠨ ᠢ ᠴᠡᠴᠡᠭᠯᠡᠭᠦᠯᠦᠨ ᠬᠦᠭᠵᠢᠭᠦᠯᠦᠨ᠎ᠡ᠃ | ᠰᠣᠶᠣᠯ ᠤᠨ ᠠᠵᠤ ᠦᠢᠯᠡᠰ ᠢ ᠲᠦᠷᠭᠡᠳᠭᠡᠨ ᠬᠦᠭᠵᠢᠭᠦᠯᠦᠨ᠎ᠡ᠃ ᠦᠪᠡᠷᠳᠡᠭᠡᠨ ᠵᠠᠰᠠᠬᠤ ᠤᠷᠤᠨ ᠤ ᠰᠣᠶᠣᠯ ᠤᠨ ᠠᠵᠤ ᠦᠢᠯᠡᠰ ᠤᠨ ᠣᠷᠳᠣᠪᠳᠣᠷ ᠪᠠ | ᠣᠷᠳᠣ ᠬᠤᠭᠤᠴᠠᠭᠠᠨ ᠤ ᠬᠦᠭᠵᠢᠯᠳᠡ ᠶᠢᠨ ᠲᠦᠯᠦᠪᠵᠢᠭᠦᠯᠭᠡ ᠶᠢ ᠪᠦᠬᠦ ᠲᠠᠯ᠎ᠠ ᠪᠠᠷ ᠬᠡᠷᠡᠭᠵᠢᠭᠦᠯᠵᠤ᠂ ᠰᠣᠶᠣᠯ ᠤᠨ ᠠᠵᠣ ᠦᠢᠯᠡᠰ ᠢ ᠲᠡᠳᠭᠦᠬᠦ ᠲᠦᠷᠦ ᠶᠢᠨ | ᠪᠣᠳᠣᠯᠭ᠎ᠠ ᠶᠢ ᠬᠢᠨᠠᠮᠠᠭᠠᠢ ᠨᠠᠶᠢᠳᠠᠪᠦᠷᠢᠵᠢᠭᠤᠯᠵᠤ᠂ ᠰᠣᠶᠣᠯ ᠤᠨ ᠠᠵᠣ ᠦᠢᠯᠡᠰ ᠤᠨ ᠬᠦᠷᠢᠶᠡᠯᠡᠩ ᠪᠠ ᠰᠣᠶᠣᠯ ᠤᠨ ᠭᠤᠤᠯᠳᠠᠯᠭ᠎ᠠ ᠲᠠᠢ ᠢᠨᠵᠧᠨᠧᠷᠢᠩ ᠤᠨ | ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃ ᠣᠨᠴᠠᠯᠢᠭᠲᠦ ᠰᠣᠶᠣᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠯᠠᠵᠤ᠂ ᠰᠣᠶᠣᠯ ᠬᠢᠭᠡᠳ ᠵᠢᠭᠤᠯᠴᠢᠯᠠᠯ᠂ ᠮᠦᠩᠭᠦᠨ | ᠭᠦᠢᠯᠭᠡᠭᠡᠨ᠂ ᠰᠢᠨᠵᠢᠯᠡᠬᠦ ᠣᠬᠠᠭᠠᠨ ᠮᠡᠷᠭᠡᠵᠢᠯ ᠤᠨ ᠭᠦᠨᠵᠡᠭᠡᠢ ᠠᠭᠤᠰᠣᠯᠴᠠᠯ ᠢ ᠠᠬᠢᠭᠤᠯᠵᠤ᠂ ᠦᠨᠳᠦᠰᠦᠳᠠᠨ ᠤ ᠣᠷᠠᠨ ᠰᠠᠶᠢᠬᠠᠨ ᠤ ᠲᠣᠭᠯᠠᠯᠳᠠ᠂ ᠺᠢᠨᠣ᠋ ᠲᠧᠯᠸᠢᠰ᠂ | ᠺᠠᠷᠲ᠋ᠣᠨ ᠵᠢᠷᠤᠭ ᠱᠤᠭ ᠵᠢᠷᠤᠭ ᠵᠡᠷᠭᠡ ᠠᠵᠣ ᠦᠢᠯᠡᠰ ᠢ ᠶᠡᠬᠡᠪᠡᠷ ᠬᠦᠭᠵᠢᠭᠦᠯᠦᠨ᠂ ᠠᠵᠤ ᠦᠢᠯᠡᠰ ᠤᠨ ᠬᠡᠯᠬᠢᠶ᠎ᠡ ᠶᠢ ᠦᠷᠭᠡᠵᠢᠭᠦᠯᠦᠨ ᠣᠷᠳᠣᠳᠬᠠᠵᠤ᠂ ᠰᠣᠶᠣᠯ ᠤᠨ | ᠠᠵᠣ ᠦᠢᠯᠡᠰ ᠤᠨ ᠰᠢᠯᠢᠳᠡᠭᠵᠢᠵᠣ ᠲᠡᠰ ᠲᠡᠪᠰᠢᠬᠦ ᠶᠢ ᠲᠦᠯᠬᠢᠨ ᠠᠬᠢᠭᠤᠯᠤᠨ᠎ᠠ᠃ ᠣᠳᠣ ᠦᠶ᠎ᠡ ᠶᠢᠨ ᠰᠣᠶᠣᠯ ᠤᠨ ᠵᠠᠬ᠎ᠠ ᠲᠡᠯᠭᠡᠭᠦᠷ ᠤᠨ ᠰᠢᠰᠲ᠋ᠧᠮᠵᠢ ᠶᠢ | ᠪᠠᠶᠢᠭᠤᠯᠤᠨ ᠪᠦᠷᠢᠨᠰᠢᠭᠦᠯᠵᠤ᠂ ᠰᠣᠶᠣᠯ ᠤᠨ ᠵᠠᠬ᠎ᠠ ᠲᠡᠯᠭᠡᠭᠦᠷ ᠲᠤ ᠵᠦᠪᠰᠢᠶᠡᠷᠡᠨ ᠣᠷᠣᠭᠤᠯᠬᠤ ᠪᠠ ᠪᠣᠴᠠᠭᠠᠵᠦ ᠭᠠᠷᠭᠠᠬᠤ ᠲᠤᠭᠳᠠᠴᠠ ᠶᠢ ᠲᠡᠭᠦᠯᠳᠡᠷᠵᠢᠭᠦᠯᠦᠨ᠂ ᠡᠯ᠎ᠡ | ᠲᠦᠷᠦᠯ ᠤᠨ ᠵᠠᠬ᠎ᠠ ᠲᠡᠯᠭᠡᠭᠦᠷ ᠤᠨ ᠭᠤᠤᠯ ᠴᠣᠭᠴᠠ ᠶᠢᠨ ᠭᠤᠤᠯᠴᠢ ᠪᠠᠷ ᠦᠷᠢᠰᠦᠯᠳᠦᠬᠦ᠂ ᠰᠢᠯᠢᠳᠡᠭ ᠨᠢ ᠦᠯᠡᠳᠡᠵᠣ ᠰᠢᠭᠠᠷᠣ ᠨᠢ ᠰᠢᠭᠰᠢᠭᠳᠡᠬᠦ ᠶᠢ ᠠᠬᠢᠭᠤᠯᠵᠤ᠂ | ᠣᠯᠠᠨ ᠲᠡᠰ ᠲᠠᠪᠬᠤᠷᠭ᠎ᠠ ᠪᠦᠬᠦᠢ ᠰᠣᠶᠣᠯ ᠤᠨ ᠪᠦᠳᠦᠭᠡᠭᠳᠡᠭᠦᠨ ᠪᠠ ᠴᠢᠬᠤᠯᠠ ᠬᠦᠴᠦᠨ ᠵᠦᠢᠯ ᠤᠨ ᠵᠠᠬ᠎ᠠ ᠲᠡᠯᠭᠡᠭᠦᠷ ᠤᠨ ᠪᠤᠢ ᠪᠤᠯᠬᠤ ᠶᠢ ᠲᠦᠯᠬᠢᠨ ᠠᠬᠢᠭᠤᠯᠤᠨ᠎ᠠ᠃ | ᠨᠡᠶᠢᠭᠡᠮ ᠤᠨ ᠬᠦᠷᠦᠩᠭᠡ ᠶᠢᠨ ᠰᠣᠶᠣᠯ ᠤᠨ ᠡᠬᠢ ᠪᠠᠶᠠᠯᠢᠭ ᠯᠤᠭ᠎ᠠ ᠬᠠᠷᠢᠯᠴᠠᠨ ᠣᠶᠠᠯᠳᠣᠬᠤ ᠶᠢ ᠵᠣᠷᠢᠭᠵᠢᠭᠤᠯᠤᠨ᠂ ᠰᠣᠶᠣᠯ ᠤᠨ ᠲᠠᠭᠠᠭᠤᠯᠣᠭᠴᠢ ᠠᠵᠤ ᠠᠬᠤᠶᠢᠯᠠᠯ | ᠢ ᠪᠤᠶᠢᠵᠢᠭᠤᠯᠤᠨ ᠪᠤᠵᠠᠭᠠᠶᠢᠷᠠᠭᠤᠯᠵᠤ᠂ ᠲᠤᠮᠳᠠ ᠪᠠᠭ᠎ᠠ ᠵᠢᠵᠢᠭ ᠰᠣᠶᠣᠯ ᠤᠨ ᠠᠵᠤ ᠠᠬᠤᠶᠢᠯᠠᠯ ᠤᠨ ᠬᠦᠭᠵᠢᠯᠳᠡ ᠶᠢ ᠲᠡᠳᠭᠦᠨ᠎ᠡ᠃ | ᠰᠣᠶᠣᠯ ᠤᠨ ᠬᠦᠭᠵᠢᠯᠳᠡ ᠶᠢᠨ ᠰᠢᠨ᠎ᠡ ᠶᠢ ᠡᠭᠦᠳᠬᠦ ᠠᠮᠢᠵᠢᠷᠡᠯ ᠤᠨ ᠬᠦᠴᠦᠨ ᠢ ᠬᠦᠭᠵᠢᠭᠡᠨ᠎ᠡ᠃ ᠰᠣᠶᠣᠯ ᠤᠨ ᠬᠤᠷᠸ᠎ᠠ ᠬᠠᠮᠢᠶᠠᠷᠣᠯᠳᠡ ᠶᠢᠨ ᠪᠠᠶᠢᠭᠤᠯᠣᠯ ᠤᠨ | ᠦᠭᠡᠷᠡᠴᠢᠯᠡᠯᠳᠡ ᠶᠢ ᠭᠦᠨᠵᠡᠭᠡᠢ ᠲᠦᠯᠬᠢᠨ ᠠᠬᠢᠭᠤᠯᠵᠦ᠂ ᠵᠠᠰᠠᠭ ᠤᠨ ᠣᠷᠳᠣᠨ ᠤ ᠰᠠᠯᠠᠭ᠎ᠠ ᠮᠦᠴᠢᠷ ᠤᠨ ᠰᠣᠶᠣᠯ ᠡᠷᠬᠢᠯᠡᠵᠦ ᠪᠠᠶᠢᠭᠰᠠᠨ ᠠᠴᠠ ᠨᠢ ᠰᠣᠶᠣᠯ ᠤᠨ | ᠬᠠᠮᠢᠶᠠᠷᠣᠯᠳᠡ ᠬᠢᠬᠦ ᠲᠡᠰᠢ ᠰᠢᠯᠵᠢᠬᠦᠯᠬᠦ ᠶᠢ ᠲᠦᠷᠭᠡᠳᠭᠡᠨ ᠠᠬᠢᠭᠤᠯᠵᠦ᠂ ᠣᠯᠣᠰ ᠤᠨ ᠦᠮᠴᠢᠯᠡᠯᠳᠣ ᠰᠣᠶᠣᠯ ᠤᠨ ᠬᠦᠷᠦᠩᠭᠡ ᠶᠢ ᠬᠢᠨᠡᠨ ᠬᠠᠮᠢᠶᠠᠷᠬᠤ ᠪᠠᠶᠢᠭᠤᠯᠣᠯ ᠢ | ᠪᠠᠶᠢᠭᠤᠯᠣᠨ ᠲᠡᠭᠦᠯᠳᠡᠷᠵᠢᠭᠦᠯᠵᠦ᠂ ᠬᠦᠮᠦᠨ᠂ ᠶᠠᠪᠣᠳᠠᠯ᠂ ᠬᠦᠷᠦᠩᠭᠡ᠂ ᠬᠦᠳᠦᠯᠦᠮᠵᠢ ᠵᠡᠷᠬᠡ ᠬᠠᠮᠢᠶᠠᠷᠣᠯᠳᠡ ᠶᠢᠨ ᠬᠠᠷᠢᠯᠴᠠᠨ ᠨᠢᠭᠡᠳᠣᠯᠳᠡᠢ ᠪᠠᠶᠢᠬᠤ ᠶᠢ ᠬᠡᠷᠡᠭᠵᠢᠬᠦᠯᠵᠦ | ᠂ ᠰᠣᠶᠣᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠬᠢᠭᠡᠳ ᠬᠠᠷᠢᠶ᠎ᠠ ᠪᠦᠬᠦᠢ ᠰᠣᠶᠣᠯ ᠤᠨ ᠠᠵᠦ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠠᠷᠢᠴᠠᠭ᠎ᠠ | ᠶᠢ ᠣᠯᠠᠮ ᠨᠢᠬᠡ ᠠᠯᠬᠤᠮ ᠰᠢᠯᠣᠭᠤᠳᠬᠠᠨ᠎ᠠ᠃ ᠦᠪᠡᠷᠳᠡᠭᠡᠨ ᠵᠠᠰᠠᠬᠤ ᠣᠷᠣᠨ ᠤ ᠰᠣᠶᠣᠯ ᠤᠨ ᠵᠠᠬ᠎ᠠ ᠲᠡᠯᠭᠡᠭᠦᠷ ᠤᠨ ᠶᠡᠷᠦᠩᠬᠡᠶᠢᠯᠡᠭᠰᠡᠨ ᠬᠠᠥᠯᠢ ᠬᠡᠷᠡᠭᠵᠢᠬᠦᠯᠬᠦ | ᠬᠠᠮᠢᠶᠠᠷᠣᠯᠳᠡ ᠶᠢᠨ ᠪᠠᠶᠢᠭᠤᠯᠣᠯ ᠢ ᠠᠯᠬᠤᠮ ᠠᠯᠬᠤᠮ ᠢᠶᠠᠷ ᠰᠢᠯᠣᠭᠤᠳᠬᠠᠵᠦ᠂ ᠦᠪᠡᠷᠳᠡᠭᠡᠨ ᠵᠠᠰᠠᠬᠤ ᠣᠷᠣᠨ ᠤ ᠰᠣᠨᠢᠨ ᠮᠡᠳᠡᠭᠡ ᠬᠡᠪᠯᠡᠯ ᠵᠡᠷᠬᠡ ᠲᠠᠪᠣᠨ ᠶᠡᠭᠡ | ᠰᠣᠶᠣᠯ ᠤᠨ ᠠᠵᠦ ᠠᠬᠤᠶᠢᠯᠠᠯ ᠤᠨ ᠪᠦᠯᠦᠭᠯᠡᠯ ᠤᠨ ᠣᠳᠣ ᠦᠶ᠎ᠡ ᠶᠢᠨ ᠠᠵᠦ ᠠᠬᠤᠶᠢᠯᠠᠯ ᠤᠨ ᠲᠦᠷᠢᠮ ᠪᠠᠶᠢᠭᠤᠯᠬᠤ ᠶᠢ ᠲᠦᠷᠭᠡᠳᠭᠡᠨ ᠠᠬᠢᠭᠤᠯᠵᠦ᠂ ᠬᠠᠥᠯᠢ ᠶᠢᠨ | ᠡᠷᠭᠡᠳᠡᠨ ᠠᠴᠠ ᠵᠠᠰᠠᠬᠤ ᠪᠦᠳᠦᠴᠡ ᠶᠢ ᠲᠡᠭᠦᠯᠳᠡᠷᠵᠢᠭᠦᠯᠦᠨ᠎ᠡ᠃ ᠰᠣᠶᠣᠯ ᠤᠨ ︽ᠭᠠᠷᠴᠦ ᠶᠠᠪᠣᠬᠤ︾ ᠠᠯᠬᠤᠴᠡ ᠶᠢ ᠲᠦᠷᠭᠡᠳᠭᠡᠨ᠂ ᠰᠣᠶᠣᠯ ᠤᠨ ᠲᠠᠯ᠎ᠠ ᠪᠠᠷ | ᠰᠣᠯᠢᠯᠴᠠᠭ᠎ᠠ ᠬᠢᠵᠦ ᠬᠤᠷᠰᠢᠯᠴᠠᠬᠤ ᠶᠢ ᠣᠯᠠᠮ ᠨᠢᠬᠡ ᠠᠯᠬᠤᠮ ᠴᠢᠩᠭᠠᠳᠬᠠᠵᠦ᠂ ᠦᠪᠦᠷ ᠮᠤᠩᠭᠤᠯ ᠤᠨ ᠦᠨᠳᠣᠰᠣᠳᠡᠨ ᠤ ᠰᠣᠶᠣᠯ ᠢ ᠦᠷᠭᠡᠨ ᠢᠶᠠᠷ ᠣᠬᠠᠭᠤᠯᠬᠤ | ᠪᠠ ᠶᠡᠬᠡᠪᠡᠷ ᠲᠠᠨᠢᠯᠴᠠᠭᠤᠯᠵᠦ᠂ ᠰᠤᠶᠤᠯ ᠤᠨ ᠨᠦᠯᠦᠭᠡᠯᠡᠬᠦ ᠬᠦᠴᠦᠨ ᠪᠠ ᠵᠦᠭᠡᠯᠡᠨ ᠪᠣᠳᠠᠳᠣ ᠬᠦᠴᠦᠨ ᠢ ᠲᠠᠰᠣᠷᠠᠯᠳᠠ ᠦᠬᠡᠢ ᠲᠡᠭᠡᠭᠰᠢᠯᠡᠬᠦᠯᠦᠨ᠎ᠡ᠃ | ︵ᠶᠢᠰᠦ︶ ᠨᠡᠶᠢᠬᠡᠮ ᠢ ᠵᠠᠰᠬᠤ ᠪᠠᠶᠢᠭᠤᠯᠣᠯ ᠤᠨ ᠰᠢᠨ᠎ᠡ ᠶᠢ ᠡᠭᠦᠳᠴᠦ᠂ ᠨᠡᠶᠢᠬᠡᠮ ᠤᠨ ᠡᠶ᠎ᠡ ᠵᠣᠬᠢᠴᠠᠯ ᠲᠠᠢ ᠲᠣᠭᠳᠠᠭᠤᠨ ᠪᠠᠶᠢᠬᠤ ᠶᠢ ᠠᠬᠢᠭᠤᠯᠣᠨ᠎ᠠ | ᠦᠨᠳᠣᠰᠣᠳᠡᠨ ᠤ ᠪᠦᠯᠬᠦᠮᠳᠡᠯ ᠢ ᠣᠯᠠᠮ ᠨᠢᠬᠡ ᠠᠯᠬᠤᠮ ᠴᠢᠩᠭᠠᠳᠬᠠᠨ᠎ᠠ᠃ ᠦᠨᠳᠣᠰᠣᠳᠡᠨ ᠤ ᠣᠷᠣᠨ ᠤ ᠦᠪᠡᠷᠳᠡᠭᠡᠨ ᠵᠠᠰᠠᠬᠤ ᠲᠦᠷᠢᠮ ᠢ ᠪᠠᠷᠢᠮᠳᠠᠯᠠᠨ | ᠲᠡᠭᠦᠯᠳᠡᠷᠵᠢᠭᠦᠯᠵᠦ᠂ ᠦᠨᠳᠣᠰᠣᠳᠡᠨ ᠱᠠᠰᠢᠨ ᠰᠣᠷᠳᠠᠬᠤᠨ ᠤ ᠲᠣᠬᠠᠢ ᠨᠠᠮ ᠤᠨ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠣᠣᠱᠯᠠᠭᠤᠯᠣᠨ ᠨᠠᠶᠢᠳᠠᠪᠣᠷᠢᠵᠢᠭᠤᠯᠵᠦ | ᠂ ᠦᠨᠳᠤᠰᠣᠳᠠᠨ ᠤ ᠪᠦᠯᠬᠦᠮᠳᠡᠯ ᠲᠠᠪᠰᠢᠯᠳᠠ ᠶᠢᠨ ᠣᠬᠠᠭᠤᠯᠭ᠎ᠠ ᠪᠠ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠢ ᠦᠷᠨᠢᠭᠦᠯᠵᠦ᠂ ᠴᠦᠬᠡᠨ ᠲᠣᠭᠠᠳᠣ | ᠦᠨᠳᠣᠰᠣᠳᠡᠨ ᠤ ᠬᠠᠥᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠬᠦᠮᠦᠨ ᠠᠮᠠ ᠨᠡᠯᠢᠶᠡᠳ ᠴᠦᠬᠡᠨ ᠦᠨᠳᠣᠰᠣᠳᠡᠨ ᠤ ᠬᠦᠭᠵᠢᠯᠳᠡ ᠶᠢ ᠲᠡᠳᠭᠦᠵᠦ᠂ ᠡᠷᠬᠡ | ᠲᠡᠭᠰᠢ ᠪᠦᠯᠬᠦᠮᠳᠡᠨ ᠨᠢᠭᠳᠠᠷᠠᠭᠰᠠᠨ ᠬᠠᠷᠢᠯᠴᠠᠨ ᠬᠠᠪᠰᠣᠷᠣᠯᠴᠠᠭᠰᠠᠨ ᠡᠶ᠎ᠡ ᠵᠣᠬᠢᠴᠠᠯ ᠲᠠᠢ ᠨᠡᠶᠢᠬᠡᠮ ᠵᠢᠷᠣᠮ ᠤᠨ ᠦᠨᠳᠣᠰᠣᠳᠡᠨ ᠤ ᠬᠠᠷᠢᠴᠠᠭ᠎ᠠ ᠶᠢ ᠪᠠᠬᠢᠵᠢᠭᠦᠯᠦᠨ | ᠬᠦᠭᠵᠢᠭᠦᠯᠵᠦ᠂ ᠦᠨᠳᠣᠰᠣᠳᠡᠨ ᠨᠦᠭᠦᠳ ᠤᠨ ᠠᠷᠠᠳ ᠲᠦᠮᠡᠨ ᠤ ᠬᠠᠮᠳᠣᠪᠡᠷ ᠪᠦᠯᠬᠦᠮᠳᠡᠨ ᠲᠡᠮᠡᠴᠡᠬᠦ᠂ ᠬᠠᠮᠳᠣᠪᠡᠷ ᠴᠡᠴᠡᠭᠯᠡᠨ ᠬᠦᠭᠵᠢᠬᠦ ᠶᠢ ᠠᠬᠢᠭᠤᠯᠣᠨ᠎ᠠ᠃ ᠱᠠᠰᠢᠨ | ᠰᠣᠷᠳᠠᠬᠤᠨ ᠤ ᠬᠡᠷᠡᠭ ᠶᠠᠪᠣᠳᠠᠯ ᠢ ᠬᠠᠥᠯᠢ ᠶᠣᠰᠣᠭᠠᠷ ᠬᠠᠮᠢᠶᠠᠷᠴᠦ᠂ ᠱᠠᠰᠢᠨ ᠰᠣᠷᠳᠠᠬᠤᠨ ᠬᠢᠭᠡᠳ ᠨᠡᠶᠢᠭᠡᠮ ᠵᠢᠷᠣᠮᠳᠣ ᠨᠡᠶᠢᠭᠡᠮ ᠤᠨ ᠬᠠᠷᠢᠯᠴᠠᠨ ᠵᠣᠬᠢᠴᠠᠬᠤ ᠶᠢ | ᠢᠳᠡᠪᠬᠢᠳᠡᠢ ᠪᠠᠷ ᠬᠦᠳᠦᠯᠦᠨ ᠵᠢᠯᠣᠭᠤᠳᠴᠦ᠂ ᠱᠠᠰᠢᠨ ᠰᠣᠷᠳᠠᠬᠤᠨ ᠤ ᠡᠳᠡᠭᠡᠳ ᠤᠨ ᠬᠢᠨ ᠬᠢᠭᠡᠳ ᠱᠠᠰᠢᠨ ᠰᠢᠳᠦᠳᠡᠭ ᠣᠯᠠᠨ ᠲᠦᠮᠡᠨ ᠤ ᠠᠵᠦ ᠠᠬᠤᠢ ᠶᠢᠨ | ᠬᠦᠭᠵᠢᠯᠳᠡ᠂ ᠨᠡᠶᠢᠬᠡᠮ ᠤᠨ ᠡᠶ᠎ᠡ ᠵᠣᠬᠢᠴᠡᠯ ᠲᠠᠢ ᠪᠠᠶᠢᠬᠤ ᠶᠢ ᠠᠬᠢᠭᠤᠯᠬᠤ ᠳᠠᠬᠢ ᠢᠳᠡᠪᠬᠢᠳᠡᠢ ᠦᠢᠯᠡᠳᠦᠯ ᠢ ᠪᠠᠳᠠᠷᠠᠭᠤᠯᠣᠨ᠎ᠠ᠃ | ᠨᠡᠶᠢᠭᠡᠮ ᠤᠨ ᠵᠣᠬᠢᠶᠡᠨ ᠪᠠᠶᠢᠭᠤᠯᠣᠯᠳᠡ ᠶᠢᠨ ᠠᠮᠢᠵᠢᠷᠡᠯ ᠤᠨ ᠬᠦᠴᠦᠨ ᠢ ᠨᠡᠮᠡᠭᠳᠡᠭᠦᠯᠦᠨ᠎ᠡ᠃ ᠵᠠᠰᠠᠭ ᠤᠨ ᠣᠷᠳᠣᠨ ᠠᠴᠠ ᠵᠠᠰᠠᠬᠤ ᠪᠠ ᠨᠡᠶᠢᠭᠡᠮ ᠤᠨ ᠦᠪᠡᠷ ᠢ | ᠪᠠᠨ ᠲᠣᠬᠢᠷᠠᠭᠤᠯᠬᠤ᠂ ᠰᠠᠭᠤᠭᠠᠯᠢ ᠠᠷᠠᠳ ᠤᠨ ᠦᠪᠡᠷᠳᠡᠭᠡᠨ ᠵᠠᠰᠠᠬᠤ ᠰᠠᠶᠢᠨ ᠨᠦᠬᠦᠴᠡᠯᠳᠣᠯ ᠢ ᠴᠢᠷᠮᠠᠶᠢᠨ ᠠᠬᠢᠭᠤᠯᠣᠨ᠎ᠠ᠃ ︽ᠵᠠᠰᠠᠭ ᠪᠠ ᠨᠡᠶᠢᠭᠡᠮ ᠤᠨ ᠬᠢᠨ ᠢ | ᠰᠠᠯᠭᠠᠬᠤ᠂ ᠬᠠᠮᠢᠶᠠᠷᠬᠤ ᠪᠠ ᠡᠷᠬᠢᠯᠡᠬᠦ ᠶᠢ ᠰᠠᠯᠭᠠᠬᠤ︾ ᠵᠠᠷᠴᠢᠮ ᠤᠨ ᠶᠣᠰᠣᠭᠠᠷ᠂ ᠡᠯ᠎ᠡ ᠲᠦᠷᠦᠯ ᠤᠨ ᠡᠪᠯᠡᠯ᠂ ᠨᠡᠶᠢᠭᠡᠮᠯᠢᠭ᠂ ᠰᠣᠳᠣᠯᠭᠠᠨ ᠤ ᠨᠡᠶᠢᠭᠡᠮᠯᠢᠭ ᠢ | ᠬᠦᠳᠦᠯᠦᠨ ᠵᠢᠯᠣᠭᠤᠳᠴᠦ ᠪᠠᠶᠢᠭᠠᠳ ᠨᠠᠮ ᠵᠠᠰᠠᠭ ᠤᠨ ᠪᠠᠶᠢᠭᠤᠯᠣᠯᠭ᠎ᠠ᠂ ᠠᠵᠢᠯ ᠦᠢᠯᠡᠰ ᠤᠨ ᠨᠢᠭᠡᠴᠡ ᠠᠴᠠ ᠲᠣᠶᠢᠯᠪᠣᠷᠢᠳᠡᠢ ᠰᠠᠯᠭᠠᠨ᠎ᠠ᠃ ᠵᠠᠰᠠᠭ ᠤᠨ ᠣᠷᠳᠣᠨ | ᠨᠡᠶᠢᠭᠡᠮ ᠤᠨ ᠦᠢᠯᠡᠴᠢᠯᠡᠭᠡ ᠶᠢ ᠬᠤᠳᠠᠯᠳᠣᠨ ᠠᠪᠬᠤ ᠲᠦᠷᠢᠮ ᠢ ᠪᠠᠶᠢᠭᠤᠯᠵᠦ᠂ ᠨᠡᠶᠢᠬᠡᠮ ᠤᠨ ᠵᠣᠬᠢᠶᠡᠨ ᠪᠠᠶᠢᠭᠤᠯᠣᠯᠳᠡ ᠶᠢᠨ ᠦᠪᠡᠷ ᠢ ᠪᠠᠨ ᠲᠡᠭᠦᠯᠳᠡᠷᠵᠢᠬᠦᠯᠬᠦ ᠪᠠ | ᠬᠦᠭᠵᠢᠬᠦᠯᠬᠦ ᠶᠢ ᠠᠬᠢᠭᠤᠯᠣᠨ᠎ᠠ᠃ ᠵᠠᠰᠠᠭ ᠤᠨ ᠣᠷᠳᠣᠨ ᠵᠢᠯᠣᠭᠤᠳᠬᠤ᠂ ᠨᠡᠶᠢᠬᠡᠮ ᠤᠨ ᠬᠢᠨ ᠣᠷᠣᠯᠴᠠᠬᠤ᠂ ᠪᠡᠶ᠎ᠡ ᠪᠠᠨ ᠲᠠᠭᠠᠭᠠᠵᠦ ᠠᠵᠢᠯᠯᠠᠬᠤ ᠠᠵᠢᠯ ᠤᠨ | ᠲᠣᠭᠳᠠᠴᠠ ᠶᠢ ᠪᠠᠶᠢᠭᠤᠯᠣᠨ᠂ ᠨᠡᠶᠢᠭᠡᠮ ᠤᠨ ᠵᠣᠬᠢᠶᠠᠨ ᠪᠠᠶᠢᠭᠤᠯᠣᠯᠳᠡ ᠶᠢᠨ ᠵᠡᠷᠭᠡ ᠲᠡᠰ ᠢ ᠦᠨᠡᠯᠡᠨ ᠵᠢᠱᠢᠬᠦ ᠶᠢ ᠪᠦᠬᠦ ᠲᠠᠯ᠎ᠠ ᠪᠠᠷ ᠶᠠᠪᠣᠭᠤᠯᠵᠦ᠂ ᠨᠡᠶᠢᠬᠡᠮ ᠤᠨ | ᠵᠣᠬᠢᠶᠠᠨ ᠪᠠᠶᠢᠭᠤᠯᠣᠯᠳᠠ ᠠᠴᠠ ᠬᠠᠩᠭᠠᠬᠤ ᠳᠤ ᠲᠣᠬᠢᠷᠠᠬᠤ ᠣᠯᠠᠨ ᠨᠡᠶᠢᠳᠡ ᠶᠢᠨ ᠦᠢᠯᠡᠴᠢᠯᠡᠭᠡᠨ ᠪᠠ ᠰᠢᠢᠳᠪᠦᠷᠢᠯᠡᠬᠦ ᠵᠦᠢᠯᠡᠰ ᠢ ᠨᠡᠶᠢᠭᠡᠮ ᠤᠨ ᠵᠣᠬᠢᠶᠡᠨ | ᠪᠠᠶᠢᠭᠤᠯᠣᠯᠳᠡ ᠳᠤ ᠲᠣᠰᠢᠶᠡᠨ ᠡᠭᠦᠷᠭᠡᠯᠡᠭᠦᠯᠦᠨ᠎ᠡ᠃ ᠨᠡᠶᠢᠬᠡᠮ ᠤᠨ ᠠᠵᠢᠯ ᠤᠨ ᠲᠣᠰᠬᠠᠢ ᠴᠢᠳᠠᠪᠣᠷᠢᠳᠡᠨ ᠬᠦᠮᠦᠵᠢᠭᠦᠯᠬᠦ ᠶᠢ ᠴᠢᠩᠭᠠᠳᠬᠠᠨ᠂ ᠨᠡᠶᠢᠬᠡᠮ ᠤᠨ ᠠᠵᠢᠯ ᠤᠨ | ᠠᠵᠢᠯ ᠤᠨ ᠪᠠᠶᠢᠷᠢ ᠪᠠᠶᠢᠷᠢᠯᠠᠭᠤᠯᠬᠤ ᠬᠦᠷᠢᠶ᠎ᠡ ᠶᠢ ᠦᠷᠭᠡᠵᠢᠭᠦᠯᠦᠨ᠎ᠡ᠃ | ᠣᠯᠠᠨ ᠨᠡᠶᠢᠳᠡ ᠶᠢᠨ ᠠᠮᠣᠷ ᠲᠦᠪᠰᠢᠨ ᠤ ᠰᠢᠰᠲ᠋ᠧᠮᠵᠢ ᠶᠢ ᠲᠡᠭᠦᠯᠳᠡᠷᠵᠢᠬᠦᠯᠦᠨ᠎ᠡ᠃ ︽ᠰᠣᠷᠪᠣᠯᠵᠢᠯᠠᠯ ᠢ ᠶᠡᠭᠡᠪᠡᠷ ᠬᠦᠯᠢᠶᠡᠨ ᠠᠪᠬᠤ︾ ᠠᠵᠢᠯᠯᠠᠭ᠎ᠠ ᠶᠢ | ᠬᠢᠨᠠᠮᠠᠭᠠᠢ ᠦᠷᠨᠢᠭᠦᠯᠵᠦ᠂ ᠣᠳᠣᠷᠢᠳᠬᠤ ᠺᠠᠳ᠋ᠷ ᠤᠨ ᠰᠣᠷᠪᠣᠯᠵᠢᠯᠠᠯ ᠬᠦᠯᠢᠶᠡᠨ ᠠᠪᠬᠤ᠂ ᠲᠣᠷᠣᠭᠰᠢ ᠰᠣᠷᠪᠣᠯᠵᠢᠯᠠᠯ ᠬᠢᠬᠦ ᠪᠠ ᠲᠠᠭᠠᠭᠠᠨ ᠠᠪᠴᠦ ᠭᠦᠢᠴᠡᠳᠭᠡᠬᠦ | ᠲᠦᠷᠢᠮ ᠢ ᠲᠡᠭᠦᠯᠳᠡᠷᠵᠢᠭᠦᠯᠵᠦ᠂ ᠬᠠᠮᠳᠣᠷᠡᠨ ᠰᠣᠷᠪᠣᠯᠵᠢᠯᠠᠯ ᠬᠦᠯᠢᠶᠡᠨ ᠠᠪᠬᠤ ᠠᠵᠢᠯ ᠤᠨ ᠲᠣᠭᠳᠠᠴᠠ ᠶᠢ ᠲᠡᠭᠦᠯᠳᠡᠷᠵᠢᠭᠦᠯᠵᠦ᠂ ᠵᠠᠬᠢᠳᠠᠯ ᠰᠣᠷᠪᠣᠯᠵᠢᠯᠠᠯ ᠤᠨ | ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠬᠤ ᠶᠢ ᠰᠠᠶᠢᠳᠣᠷ ᠠᠳᠬᠤᠵᠦ᠂ ᠬᠠᠥᠯᠢ ᠴᠠᠭᠠᠵᠠ ᠪᠠ ᠵᠠᠷᠭᠤ ᠳᠤ ᠬᠤᠯᠪᠣᠭᠳᠠᠭᠰᠠᠨ ᠵᠠᠬᠢᠳᠠᠯ ᠰᠣᠷᠪᠣᠯᠵᠢᠯᠠᠯ ᠢ | ᠲᠠᠭᠤᠰᠬᠠᠬᠤ ᠲᠦᠷᠢᠮ ᠢ ᠪᠠᠶᠢᠭᠤᠯᠵᠦ᠂ ᠣᠯᠠᠨ ᠲᠦᠮᠡᠨ ᠤ ᠠᠰᠠᠭᠤᠳᠠᠯ ᠢᠶᠠᠨ ᠲᠣᠰᠬᠠᠵᠦ ᠲᠡᠶᠢᠯᠬᠦ᠂ ᠵᠦᠷᠢᠴᠡᠯ ᠢ ᠰᠢᠢᠳᠪᠦᠷᠢᠯᠡᠵᠦ ᠲᠡᠶᠢᠯᠬᠦ᠂ ᠡᠷᠬᠡ ᠠᠰᠢᠭ ᠢ ᠨᠢ | ᠪᠠᠳᠣᠯᠠᠵᠦ ᠲᠡᠶᠢᠯᠬᠦ ᠪᠣᠯᠭᠠᠨ᠎ᠠ᠃ ᠶᠠᠰᠣ ᠴᠢᠨᠡᠷ ᠠᠶᠣᠯ ᠦᠬᠡᠢ ᠶᠢᠨ ᠬᠢᠨᠠᠯᠳᠠ ᠬᠠᠮᠢᠶᠠᠷᠣᠯᠳᠠ ᠶᠢ ᠴᠢᠩᠭᠠᠳᠬᠠᠨ᠂ ᠢᠳᠡᠭᠡᠨ ᠪᠠ ᠡᠮ ᠤᠨ ᠵᠦᠢᠯ᠂ ᠭᠤᠣᠯᠳᠠᠯᠭ᠎ᠠ ᠲᠠᠢ | ᠦᠢᠯᠡᠳᠬᠦᠨ᠂ ᠭᠤᠣᠯᠳᠠᠯᠭ᠎ᠠ ᠲᠠᠢ ᠠᠵᠢᠯ ᠲᠦᠷᠦᠯ ᠪᠠ ᠭᠤᠣᠯᠳᠠᠯᠭ᠎ᠠ ᠲᠠᠢ ᠣᠷᠣᠨ ᠪᠦᠰᠡ ᠶᠢᠨ ᠲᠣᠭᠤᠷᠢᠨ ᠳᠤ ᠶᠠᠰᠣ ᠴᠢᠨᠠᠷ ᠠᠶᠣᠯ ᠦᠬᠡᠢ ᠶᠢᠨ ᠲᠣᠰᠬᠠᠢ ᠵᠦᠢᠯ | ᠢᠶᠠᠷ ᠴᠡᠭᠴᠡᠯᠡᠨ ᠵᠠᠰᠠᠬᠤ ᠠᠵᠢᠯᠯᠠᠭ᠎ᠠ ᠶᠢ ᠦᠷᠨᠢᠭᠦᠯᠦᠨ᠎ᠡ᠃ ᠠᠶᠣᠯ ᠦᠬᠡᠢ ᠦᠢᠯᠡᠳᠪᠦᠷᠢᠯᠡᠯ ᠤᠨ ᠬᠢᠨᠡᠯᠳᠡ ᠬᠠᠮᠢᠶᠠᠷᠣᠯᠳᠡ ᠶᠢ ᠴᠢᠩᠭᠠᠳᠬᠠᠨ᠂ ᠠᠶᠣᠯ ᠦᠬᠡᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠦ᠂ ᠠᠶᠣᠯ ᠦᠬᠡᠢ ᠦᠢᠯᠡᠳᠪᠦᠷᠢᠯᠡᠯ ᠤᠨ ᠣᠷᠳᠣ ᠬᠤᠭᠤᠴᠠᠭᠠᠨ ᠤ ᠦᠷ᠎ᠡ | ᠪᠦᠳᠦᠮᠵᠢᠳᠣ ᠲᠣᠭᠳᠠᠴᠠ ᠶᠢ ᠪᠠᠶᠢᠭᠤᠯᠣᠨ᠎ᠠ᠃ ᠬᠦᠳᠡᠯᠮᠦᠷᠢ ᠶᠢᠨ ᠪᠠᠷᠢᠮᠵᠢᠶ᠎ᠠ ᠵᠢᠨᠰᠢᠰᠲ᠋ᠧᠮᠵᠢ ᠪᠣᠯᠣᠨ ᠬᠦᠳᠡᠯᠮᠦᠷᠢ ᠶᠢᠨ ᠬᠠᠷᠢᠴᠠᠭ᠎ᠠ ᠶᠢ ᠵᠣᠬᠢᠴᠠᠭᠤᠯᠬᠤ ᠲᠣᠭᠳᠠᠴᠠ | ᠶᠢ ᠲᠡᠭᠦᠯᠳᠡᠷᠵᠢᠭᠦᠯᠦᠨ᠂ ᠡᠶ᠎ᠡ ᠵᠣᠬᠢᠴᠠᠯ ᠲᠠᠢ ᠬᠦᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠣᠨ᠎ᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠣᠯᠳᠡ ᠶᠢᠨ ᠰᠠᠭᠤᠷᠢ | ᠪᠠᠶᠢᠭᠤᠯᠣᠯᠳᠠ ᠶᠢ ᠲᠦᠷᠭᠡᠳᠭᠡᠨ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠ ᠪᠠᠴᠢᠮ ᠪᠠᠶᠢᠳᠠᠯ ᠢ ᠠᠷᠭᠠᠴᠠᠨ ᠠᠪᠣᠷᠡᠨ ᠲᠣᠰᠠᠯᠠᠬᠤ ᠰᠢᠰᠲ᠋ᠧᠮᠵᠢ ᠶᠢ | ᠲᠡᠭᠦᠯᠳᠡᠷᠵᠢᠭᠦᠯᠦᠨ᠂ ᠭᠠᠮᠰᠢᠭ ᠢ ᠰᠡᠷᠭᠡᠶᠢᠯᠡᠨ ᠬᠤᠷᠢᠭᠯᠠᠬᠤ ᠪᠠ ᠲᠡᠩᠬᠡᠷᠡᠭᠦᠯᠦᠨ ᠲᠡᠳᠭᠦᠭᠦ ᠴᠢᠳᠠᠪᠣᠷᠢ ᠪᠠᠨ ᠲᠡᠭᠡᠭᠰᠢᠯᠡᠭᠦᠯᠦᠨ᠎ᠡ᠃ ᠬᠠᠥᠯᠢ ᠪᠠᠷ ᠵᠠᠰᠠᠬᠤ ᠦᠪᠦᠷ | ᠮᠣᠩᠭᠤᠯ ᠤᠨ ᠪᠠᠶᠢᠭᠤᠯᠣᠯᠳᠠ ᠶᠢ ᠲᠦᠯᠬᠢᠨ ᠠᠬᠢᠭᠤᠯᠵᠦ᠂ ᠬᠠᠥᠯᠢ ᠲᠦᠭᠡᠮᠡᠯᠵᠢᠬᠦᠯᠬᠦ ᠬᠠᠥᠯᠢ ᠪᠠᠷ ᠵᠠᠰᠠᠬᠤ ᠠᠵᠢᠯ ᠢ ᠭᠦᠨᠵᠡᠭᠡᠶᠢᠷᠡᠭᠦᠯᠦᠨ᠎ᠡ᠃ ︽ᠠᠮᠣᠭᠤᠯᠠᠩ | ᠲᠠᠶᠢᠪᠣᠩ ᠦᠪᠦᠷ ᠮᠣᠩᠭᠤᠯ ᠢ ᠡᠭᠦᠳᠦᠨ ᠪᠠᠶᠢᠭᠤᠯᠬᠤ ᠢᠨᠵᠧᠨᠧᠷᠢᠩ︾ ᠢ ᠭᠦᠨᠵᠡᠬᠡᠢ ᠬᠡᠷᠡᠭᠵᠢᠬᠦᠯᠵᠦ᠂ ᠨᠡᠶᠢᠭᠡᠮ ᠤᠨ ᠠᠮᠣᠷ ᠢ ᠬᠠᠮᠠᠭᠠᠯᠠᠬᠤ ᠪᠡᠶᠡᠳᠣᠴᠢᠯᠡᠭᠰᠡᠨ | ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠲᠡᠭᠦᠯᠳᠡᠷᠵᠢᠬᠦᠯᠦᠨ᠂ ᠡᠯ᠎ᠡ ᠲᠦᠷᠦᠯ ᠤᠨ ᠬᠠᠥᠯᠢ ᠠᠴᠠ ᠵᠦᠷᠢᠴᠡᠭᠰᠡᠨ ᠶᠠᠯᠠᠳᠣ ᠠᠵᠢᠯᠯᠠᠭ᠎ᠠ ᠳᠤ ᠴᠢᠩᠭ᠎ᠠ ᠴᠣᠬᠢᠯᠳᠡ ᠦᠭᠴᠦ᠂ | ᠨᠡᠶᠢᠬᠡᠮ ᠨᠡᠶᠢᠳᠡ ᠶᠢᠨ ᠠᠮᠣᠷ ᠲᠦᠪᠰᠢᠨ ᠢ ᠪᠠᠳᠣᠯᠠᠨ᠎ᠠ᠃ ᠬᠢᠯᠢ ᠶᠢᠨ ᠲᠣᠳᠣᠷ᠎ᠡ ᠭᠠᠳᠠᠨᠠᠬᠢ ᠡᠯ᠎ᠡ ᠵᠦᠢᠯ ᠤᠨ ᠲᠠᠶᠢᠰᠣᠩᠨᠠᠭᠴᠢ ᠬᠦᠴᠦᠨ ᠤ ᠨᠡᠪᠴᠢᠯᠳᠡ ᠬᠢᠬᠦ᠂ | ᠡᠪᠳᠡᠯᠬᠡ ᠬᠢᠬᠦ᠂ ᠨᠣᠷᠠᠭᠠᠯᠳᠠ ᠬᠢᠬᠦ ᠶᠢ ᠡᠰᠡᠷᠭᠦᠴᠡᠨ ᠬᠤᠷᠢᠭᠯᠠᠵᠦ᠂ ᠬᠢᠯᠢ ᠶᠢᠨ ᠲᠣᠳᠣᠷ᠎ᠡ ᠭᠠᠳᠠᠨᠠᠬᠢ ᠦᠨᠳᠣᠰᠣᠳᠡᠨ ᠤ ᠬᠠᠭᠠᠴᠠᠭᠤᠯᠬᠤ ᠬᠦᠴᠦᠨ ᠤ ᠠᠵᠢᠯᠯᠠᠭ᠎ᠠ ᠳᠤ | ᠬᠠᠥᠯᠢ ᠶᠣᠰᠣᠭᠠᠷ ᠴᠣᠬᠢᠯᠳᠡ ᠦᠭᠭᠦᠨ᠎ᠡ᠃ ᠣᠯᠣᠰ ᠤᠨ ᠪᠠᠳᠣᠯᠠᠨ ᠬᠠᠮᠠᠭᠠᠯᠠᠯᠳᠠ ᠶᠢᠨ ᠬᠦᠮᠦᠵᠢᠯ ᠢ ᠴᠢᠩᠭᠠᠳᠬᠠᠨ᠂ ᠦᠪᠡᠷᠳᠡᠭᠡᠨ ᠵᠠᠰᠠᠬᠤ ᠣᠷᠣᠨ ᠳᠤ ᠰᠠᠭᠤᠭ᠎ᠠ | ᠴᠡᠷᠢᠭ ᠠᠩᠬᠢ ᠪᠣᠯᠣᠨ ᠵᠡᠪᠰᠡᠭᠳᠦ ᠴᠠᠭᠳᠠᠭ᠎ᠠ ᠶᠢᠨ ᠴᠡᠷᠢᠭ ᠠᠩᠬᠢ ᠶᠢᠨ ᠪᠠᠶᠢᠭᠤᠯᠣᠯᠳᠠ ᠶᠢ ᠲᠡᠮᠵᠢᠵᠦ᠂ ᠴᠡᠷᠢᠭ ᠠᠷᠠᠳ ᠤᠨ ᠭᠦᠨᠵᠡᠭᠡᠢ ᠨᠡᠶᠢᠯᠡᠯᠴᠡᠨ ᠬᠦᠭᠵᠢᠬᠦ ᠶᠢ | ᠲᠦᠯᠬᠢᠨ ᠠᠬᠢᠭᠤᠯᠵᠦ᠂ ᠣᠯᠣᠰ ᠤᠨ ᠪᠠᠳᠣᠯᠠᠨ ᠬᠠᠮᠠᠭᠠᠯᠠᠯᠳᠠ ᠶᠢᠨ ᠲᠠᠶᠢᠴᠢᠯᠠᠯᠳᠠ ᠪᠣᠯᠣᠨ ᠪᠡᠯᠡᠳᠭᠡᠯ ᠬᠦᠴᠦᠨ ᠤ ᠪᠠᠶᠢᠭᠤᠯᠣᠯᠳᠠ ᠶᠢ ᠰᠠᠶᠢᠳᠣᠷ ᠠᠳᠬᠤᠵᠦ᠂ ᠡᠬᠡ | ᠣᠯᠣᠰ ᠤᠨ ᠣᠮᠠᠷᠠᠳᠣ ᠬᠢᠯᠢ ᠶᠢᠨ ᠠᠮᠣᠷ ᠲᠦᠪᠰᠢᠨ ᠤ ᠰᠡᠷᠭᠡᠶᠢᠯᠡᠯᠳᠡ ᠶᠢᠨ ᠱᠣᠭᠤᠮ ᠢ ᠪᠠᠳᠣ ᠪᠠᠬᠢ ᠪᠠᠶᠢᠭᠤᠯᠣᠨ᠎ᠠ᠃ | ︵ᠠᠷᠪᠠ︶ ᠵᠠᠰᠠᠭ ᠤᠨ ᠣᠷᠳᠣᠨ ᠤ ᠡᠭᠦᠷᠭᠡ ᠴᠢᠳᠠᠪᠣᠷᠢ ᠶᠢ ᠲᠦᠷᠭᠡᠳᠭᠡᠨ ᠬᠤᠪᠢᠷᠠᠭᠤᠯᠵᠦ᠂ ᠵᠠᠰᠠᠭ ᠤᠨ ᠣᠷᠳᠣᠨ ᠤ ᠨᠡᠶᠢᠳᠡ ᠳᠤ ᠢᠳᠡᠭᠡᠭᠦᠯᠬᠦ ᠬᠦᠴᠦᠨ | ᠪᠠ ᠬᠡᠷᠡᠭᠵᠢᠬᠦᠯᠬᠦ ᠬᠦᠴᠦᠨ ᠢ ᠲᠡᠭᠡᠭᠰᠢᠯᠡᠬᠦᠯᠦᠨ᠎ᠡ | ᠨᠠᠮ ᠤᠨ ᠣᠯᠠᠨ ᠲᠦᠮᠡᠨᠴᠢ ᠱᠣᠭᠤᠮ ᠤᠨ ᠬᠦᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠦᠷ᠎ᠡ ᠪᠦᠳᠦᠭᠡᠯ ᠢ ᠪᠠᠬᠢᠵᠢᠬᠦᠯᠦᠨ ᠦᠷᠭᠡᠳᠭᠡᠵᠦ᠂ ᠴᠡᠭᠴᠡᠯᠡᠨ | ᠰᠠᠶᠢᠵᠢᠷᠠᠭᠤᠯᠵᠦ ᠨᠠᠶᠢᠳᠠᠪᠣᠷᠢᠵᠢᠭᠤᠯᠬᠤ ᠪᠠ ᠲᠦᠷᠢᠮ ᠲᠣᠭᠳᠠᠭᠠᠯ ᠪᠠᠶᠢᠭᠤᠯᠣᠨ ᠲᠣᠭᠳᠠᠭᠠᠬᠤ ᠶᠢ ᠴᠢᠬᠤᠯᠠ ᠶᠡᠭᠡ ᠡᠭᠦᠷᠬᠡ ᠪᠣᠯᠭᠠᠨ᠂ ᠵᠠᠰᠠᠭ ᠤᠨ ᠣᠷᠳᠣᠨ ᠤ | ᠪᠣᠰᠣᠳ ᠠᠵᠢᠯ ᠯᠤᠭ᠎ᠠ ᠵᠡᠷᠭᠡ ᠳᠤᠨᠢ ᠲᠦᠯᠬᠢᠨ ᠠᠬᠢᠭᠤᠯᠵᠦ᠂ ᠵᠡᠷᠭᠡ ᠳᠤᠨᠢ ᠨᠠᠶᠢᠳᠠᠪᠣᠷᠢᠵᠢᠭᠤᠯᠵᠦ᠂ ᠰᠣᠷᠳᠠᠯ ᠤᠨ ᠪᠠᠶᠢᠭᠤᠯᠣᠯᠳᠡ ᠶᠢᠨ ᠰᠢᠨ᠎ᠡ ᠦᠷ᠎ᠡ ᠪᠦᠳᠦᠮᠵᠢ | ᠪᠠᠷ ᠠᠷᠡᠳ ᠤᠨ ᠢᠳᠡᠭᠡᠯ ᠢ ᠣᠯᠬᠤ᠂ ᠬᠦᠭᠵᠢᠯᠳᠡ ᠶᠢ ᠲᠦᠯᠬᠢᠨ ᠠᠬᠢᠭᠤᠯᠬᠤ ᠶᠢ ᠦᠨᠡᠨᠬᠦ ᠪᠠᠳᠣᠯᠠᠨ᠎ᠠ᠃ ᠵᠠᠰᠠᠭ ᠤᠨ ᠣᠷᠳᠣᠨ ᠬᠢᠭᠡᠳ ᠵᠠᠬ᠎ᠠ ᠲᠡᠯᠬᠡᠭᠦᠷ ᠤᠨ | ᠬᠠᠷᠢᠴᠠᠭ᠎ᠠ ᠶᠢ ᠰᠠᠶᠢᠳᠣᠷ ᠰᠢᠢᠳᠪᠦᠷᠢᠯᠡᠨ᠂ ᠵᠠᠰᠠᠭ ᠤᠨ ᠣᠷᠳᠣᠨ ᠤ ᠡᠭᠦᠷᠭᠡ ᠴᠢᠳᠠᠪᠣᠷᠢ ᠶᠢ ᠲᠦᠷᠭᠡᠳᠭᠡᠨ ᠬᠤᠪᠢᠷᠠᠭᠤᠯᠣᠨ᠎ᠠ᠃ ᠵᠠᠰᠠᠭ ᠵᠠᠬᠢᠷᠭᠠᠨ ᠤ ᠬᠢᠨᠡᠨ | ᠵᠦᠪᠰᠢᠶᠡᠷᠡᠬᠦ ᠲᠦᠷᠢᠮ ᠤᠨ ᠦᠭᠡᠷᠡᠴᠢᠯᠡᠯᠳᠡ ᠶᠢ ᠭᠦᠨᠵᠡᠭᠡᠶᠢᠷᠡᠭᠦᠯᠵᠦ᠂ ᠵᠠᠰᠠᠭ ᠢ ᠴᠣᠮᠬᠠᠳᠬᠠᠨ ᠡᠷᠬᠡ ᠶᠢ ᠲᠣᠷᠣᠭᠰᠢ ᠲᠠᠯᠪᠢᠬᠤ ᠶᠢ ᠦᠨᠡᠨ ᠪᠣᠳᠠᠳᠠᠢ ᠪᠠᠷ ᠲᠦᠯᠬᠢᠨ | ᠠᠬᠢᠭᠤᠯᠵᠦ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯ ᠤᠳ ᠢ ᠶᠡᠭᠡ ᠬᠡᠪᠴᠢᠶ᠎ᠡ ᠪᠠᠷ ᠦᠭᠡᠶᠢᠰᠬᠡᠭᠦ ᠪᠠ ᠲᠣᠷᠣᠭᠰᠢ ᠲᠠᠯᠪᠢᠵᠦ᠂ ᠵᠠᠰᠠᠭ ᠵᠠᠬᠢᠷᠭᠠᠨ ᠤ ᠬᠢᠨᠡᠨ | ᠵᠦᠪᠰᠢᠶᠡᠷᠡᠬᠦ ᠠᠵᠢᠯ ᠤᠨ ᠲᠠᠷᠠᠭᠠᠯᠠᠯ ᠢ ᠲᠦᠬᠦᠮᠴᠢᠯᠡᠵᠦ᠂ ᠵᠠᠬ᠎ᠠ ᠲᠡᠯᠭᠡᠭᠦᠷ ᠤᠨ ᠲᠣᠭᠳᠠᠴᠠ ᠪᠠᠷ ᠪᠦᠳᠦᠮᠵᠢᠳᠡᠢ ᠲᠣᠬᠢᠷᠠᠭᠤᠯᠭ᠎ᠠ ᠬᠢᠵᠦ ᠴᠢᠳᠠᠬᠤ ᠠᠵᠦ ᠠᠬᠤᠢ ᠶᠢᠨ | ᠠᠵᠢᠯᠯᠠᠭ᠎ᠠ ᠪᠦᠬᠦᠨ ᠳᠤ ᠬᠢᠨᠡᠨ ᠵᠦᠪᠰᠢᠶᠡᠷᠡᠯ ᠢ ᠴᠦᠮ ᠦᠭᠡᠶᠢᠰᠭᠡᠨ᠎ᠡ᠃ ᠦᠪᠡᠷᠳᠡᠭᠡᠨ ᠵᠠᠰᠠᠬᠤ ᠣᠷᠣᠨ ᠤ ︽8337︾ ᠬᠦᠭᠵᠢᠯᠳᠡ ᠶᠢᠨ ᠰᠡᠳᠬᠢᠴᠡ ᠳᠤ | ᠵᠢᠭᠰᠠᠭᠠᠭᠳᠠᠭᠰᠠᠨ ᠭᠤᠣᠯᠳᠠᠯᠭ᠎ᠠ ᠲᠠᠢ ᠲᠦᠯᠦᠪᠵᠢᠭᠦᠯᠦᠭᠰᠡᠨ ᠲᠦᠷᠦᠯ ᠵᠦᠢᠯ ᠤᠳ ᠤᠨ ᠡᠷᠭᠡᠪᠰᠢ ᠣᠯᠣᠰ ᠤᠨ ᠬᠢᠨᠡᠨ ᠵᠦᠪᠰᠢᠶᠡᠷᠡᠯ ᠢ ᠣᠯᠬᠤ ᠴᠢᠬᠤᠯᠠ ᠲᠠᠢ | ᠪᠠᠶᠢᠬᠤ ᠠᠴᠠ ᠪᠣᠰᠣᠳ ᠢ ᠨᠢ ᠴᠦᠮ ᠮᠡᠳᠡᠭᠦᠯᠦᠨ ᠲᠠᠩᠰᠠᠯᠠᠭᠤᠯᠬᠤ ᠲᠦᠷᠢᠮ ᠢᠶᠠᠷ ᠰᠢᠢᠳᠪᠦᠷᠢᠯᠡᠬᠦ ᠪᠣᠯᠭᠠᠨ᠎ᠠ᠃ ᠠᠶᠢᠮᠠᠭ ᠬᠤᠳᠠ ᠬᠤᠰᠢᠭᠤ ᠰᠢᠶᠡᠨ ᠨᠦᠭᠦᠳ ᠴᠦ | ᠭᠡᠳ ᠦᠭᠡᠶᠢᠰᠭᠡᠨ ᠲᠣᠷᠣᠭᠰᠢ ᠪᠠᠭᠤᠯᠭᠠᠬᠤ ᠪᠠ ᠲᠣᠰᠴᠦ ᠠᠪᠬᠤ ᠠᠵᠢᠯ ᠢ ᠰᠠᠶᠢᠳᠣᠷ ᠬᠢᠬᠦ ᠬᠡᠷᠡᠭᠳᠡᠢ᠃ ᠦᠯᠡᠳᠡᠭᠡᠭᠰᠡᠨ ᠵᠠᠰᠠᠭ ᠵᠠᠬᠢᠷᠭᠠᠨ ᠤ ᠬᠢᠨᠡᠨ ᠵᠦᠪᠰᠢᠶᠡᠷᠡᠬᠦ | ᠵᠦᠢᠯᠡᠰ ᠲᠤ ᠭᠠᠷᠴᠠᠭ ᠨᠠᠶᠢᠷᠠᠭᠤᠯᠣᠨ ᠵᠣᠬᠢᠶᠠᠬᠤ ᠶᠢᠨ ᠬᠠᠮᠳᠣ ᠨᠡᠶᠢᠬᠡᠮ ᠳᠤ ᠢᠯᠡ ᠪᠣᠯᠭᠠᠵᠦ᠂ ᠬᠢᠨᠡᠨ ᠵᠦᠪᠰᠢᠶᠡᠷᠡᠬᠦ ᠠᠵᠢᠯ ᠤᠨ ᠲᠠᠷᠠᠭᠠᠯᠠᠯ ᠢ ᠰᠢᠯᠢᠳᠡᠭᠵᠢᠬᠦᠯᠵᠦ᠂ | ᠬᠢᠨᠡᠨ ᠵᠦᠪᠰᠢᠶᠡᠷᠡᠬᠦ ᠶᠠᠰᠣ ᠴᠢᠨᠠᠷ ᠪᠣᠯᠣᠨ ᠦᠷ᠎ᠡ ᠪᠦᠳᠦᠮᠵᠢ ᠶᠢ ᠲᠡᠭᠡᠭᠰᠢᠯᠡᠬᠦᠯᠵᠦ᠂ ᠬᠦᠭᠵᠢᠯᠳᠡ ᠶᠢᠨ ᠣᠷᠴᠢᠨ ᠲᠣᠭᠤᠷᠢᠨ ᠢ ᠣᠯᠠᠮ ᠨᠢᠬᠡ ᠠᠯᠬᠤᠮ | ᠰᠠᠶᠢᠵᠢᠷᠠᠭᠤᠯᠣᠨ᠎ᠠ᠃ ᠵᠠᠰᠠᠭ ᠤᠨ ᠣᠷᠳᠣᠨ ᠤ ᠣᠯᠠᠨ ᠨᠡᠶᠢᠳᠡ ᠶᠢᠨ ᠦᠢᠯᠡᠴᠢᠯᠡᠭᠡᠨ᠂ ᠵᠠᠬ᠎ᠠ ᠲᠡᠯᠭᠡᠭᠦᠷ ᠤᠨ ᠬᠢᠨᠡᠨ ᠬᠠᠮᠢᠶᠠᠷᠣᠯᠳᠠ᠂ ᠨᠡᠶᠢᠬᠡᠮ ᠤᠨ ᠬᠠᠮᠢᠶᠠᠷᠣᠯᠳᠡ᠂ | ᠣᠷᠴᠢᠨ ᠲᠣᠭᠤᠷᠢᠨ ᠤ ᠬᠠᠮᠠᠭᠠᠯᠠᠯᠳᠠ ᠵᠡᠷᠭᠡ ᠡᠭᠦᠷᠭᠡ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠭᠦᠢᠴᠡᠳᠭᠡᠵᠦ᠂ ᠵᠠᠰᠠᠭ ᠤᠨ ᠣᠷᠳᠣᠨ ᠪᠢᠴᠢᠯ ᠬᠡᠷᠡᠭ ᠶᠠᠪᠣᠳᠠᠯ ᠳᠠᠬᠢ | ᠬᠠᠮᠢᠶᠠᠷᠣᠯᠳᠡ ᠪᠠᠨ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠦ᠂ ᠬᠦᠭᠵᠢᠯᠳᠡ ᠶᠢᠨ ᠪᠠᠶᠢᠯᠳᠣᠬᠤ ᠪᠣᠳᠣᠯᠭ᠎ᠠ᠂ ᠲᠦᠯᠦᠪᠵᠢᠬᠦᠯᠬᠡ᠂ ᠲᠦᠷᠦ ᠶᠢᠨ ᠪᠣᠳᠣᠯᠭ᠎ᠠ᠂ | ᠪᠠᠷᠢᠮᠵᠢᠶ᠎ᠠ ᠲᠣᠭᠳᠠᠭᠠᠬᠤ ᠪᠠ ᠬᠡᠷᠡᠭᠵᠢᠬᠦᠯᠬᠦ ᠶᠢ ᠦᠨᠡᠨᠬᠦ ᠴᠢᠩᠭᠠᠳᠬᠠᠨ᠂ ᠶᠠᠪᠣᠴᠠ ᠳᠠᠬᠢ ᠪᠠ ᠡᠴᠦᠰ ᠤᠨ ᠳ᠋ᠦᠩ ᠤᠨ ᠬᠢᠨᠡᠯᠳᠡ ᠬᠠᠮᠢᠶᠠᠷᠣᠯᠳᠡ ᠪᠠᠨ | ᠴᠢᠩᠭᠠᠷᠠᠭᠤᠯᠣᠨ᠎ᠠ᠃ ᠵᠠᠰᠠᠭ ᠤᠨ ᠣᠷᠳᠣᠨ ᠤ ᠪᠠᠶᠢᠭᠤᠯᠣᠮᠵᠢ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠦᠨ᠂ ᠠᠵᠢᠯ ᠦᠢᠯᠡᠰ ᠤᠨ ᠨᠢᠭᠡᠴᠡ ᠶᠢᠨ ᠲᠦᠷᠦᠯ | ᠬᠤᠪᠢᠶᠠᠬᠤ ᠦᠭᠡᠷᠡᠴᠢᠯᠡᠯᠳᠡ ᠶᠢ ᠲᠦᠷᠭᠡᠳᠭᠡᠨ᠎ᠡ᠃ ᠬᠠᠥᠯᠢ ᠶᠣᠰᠣᠭᠠᠷ ᠵᠠᠰᠠᠭ ᠶᠠᠪᠣᠭᠤᠯᠬᠤ ᠬᠢᠷᠢ ᠬᠡᠮᠵᠢᠶ᠎ᠡ ᠶᠢ ᠲᠡᠭᠡᠭᠰᠢᠯᠡᠬᠦᠯᠵᠦ᠂ ᠠᠷᠡᠳ ᠤᠨ ᠲᠦᠯᠦᠭᠡᠯᠡᠭᠴᠢᠳ | ᠤᠨ ᠶᠡᠭᠡ ᠬᠤᠷᠡᠯ ᠬᠢᠭᠡᠳ ᠲᠡᠭᠦᠨ ᠤ ᠪᠠᠶᠢᠩᠭᠤ ᠶᠢᠨ ᠬᠤᠷᠢᠶ᠎ᠡ᠂ ᠠᠷᠡᠳ ᠤᠨ ᠣᠯᠣᠰ ᠲᠦᠷᠦ ᠶᠢᠨ ᠵᠦᠪᠯᠡᠯᠭᠡᠨ ᠪᠣᠯᠣᠨ ᠨᠡᠶᠢᠬᠡᠮ ᠤᠨ ᠡᠯ᠎ᠡ ᠡᠳᠡᠭᠡᠳ ᠤᠨ ᠬᠢᠨ ᠤ | ᠬᠢᠨᠡᠯᠳᠡ ᠲᠠᠯᠪᠢᠬᠤ ᠶᠢ ᠣᠬᠠᠮᠰᠠᠷ ᠠᠴᠠ ᠪᠠᠨ ᠬᠦᠯᠢᠶᠡᠵᠦ᠂ ᠡᠯ᠎ᠡ ᠠᠷᠠᠳᠴᠢᠯᠠᠭᠰᠠᠨ ᠨᠠᠮ ᠪᠦᠯᠦᠭ᠂ ᠠᠵᠦ ᠦᠢᠯᠡᠳᠪᠦᠷᠢ ᠬᠤᠳᠠᠯᠳᠣᠭᠠᠨ ᠤ ᠬᠤᠯᠪᠣᠭ᠎ᠠ᠂ ᠨᠠᠮ | ᠪᠦᠯᠦᠭ ᠤᠨ ᠪᠣᠰᠣ ᠬᠦᠮᠦᠰ ᠤᠨ ᠰᠠᠨᠠᠯ ᠢ ᠦᠷᠭᠡᠨ ᠢᠶᠠᠷ ᠰᠣᠨᠣᠰᠣᠨ᠎ᠠ᠃ ᠵᠠᠰᠠᠭ ᠵᠠᠬᠢᠷᠭᠠᠨ ᠤ ᠬᠠᠥᠯᠢ ᠬᠡᠷᠡᠭᠵᠢᠬᠦᠯᠬᠦ ᠪᠠᠶᠢᠭᠤᠯᠣᠯ ᠤᠨ ᠦᠭᠡᠷᠡᠴᠢᠯᠡᠯᠳᠡ ᠶᠢ | ᠬᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠬᠠᠥᠯᠢ ᠬᠡᠷᠡᠭᠵᠢᠬᠦᠯᠬᠦ ᠦᠢᠯᠡ ᠠᠵᠢᠯᠯᠠᠭ᠎ᠠ ᠶᠢ ᠪᠦᠬᠦ ᠲᠠᠯ᠎ᠠ ᠪᠠᠷ ᠵᠢᠷᠣᠮᠵᠢᠭᠤᠯᠣᠨ᠎ᠠ᠃ ᠵᠢᠷᠣᠮᠵᠢᠯ ᠤᠨ ᠴᠢᠨᠠᠷᠳᠡᠢ ᠪᠢᠴᠢᠭ | ᠮᠠᠲ᠋ᠧᠷᠢᠶᠡᠯ ᠢ ᠬᠢᠨᠡᠨ ᠪᠠᠶᠢᠴᠠᠭᠠᠬᠤ ᠲᠣᠭᠳᠠᠴᠠ ᠶᠢ ᠲᠡᠭᠦᠯᠳᠡᠷᠵᠢᠭᠦᠯᠦᠨ ᠵᠢᠷᠣᠮᠵᠢᠭᠤᠯᠵᠦ᠂ ᠵᠠᠰᠠᠭ ᠵᠠᠬᠢᠷᠭᠠᠨ ᠤ ᠲᠦᠷᠢᠮ ᠲᠣᠭᠳᠠᠭᠠᠯ ᠪᠣᠯᠣᠨ ᠵᠢᠷᠣᠮᠵᠢᠯ ᠤᠨ | ᠴᠢᠨᠡᠷᠳᠡᠢ ᠪᠢᠴᠢᠭ ᠮᠠᠲ᠋ᠧᠷᠢᠶᠡᠯ ᠢ ᠲᠠᠩᠰᠠᠯᠠᠭᠤᠯᠣᠨ ᠬᠢᠨᠡᠨ ᠪᠠᠶᠢᠴᠠᠭᠠᠬᠤ ᠲᠦᠷᠢᠮ ᠢ ᠴᠢᠩᠭ᠎ᠠ ᠬᠡᠷᠡᠭᠵᠢᠭᠦᠯᠦᠨ᠎ᠡ᠃ ᠨᠡᠶᠢᠬᠡᠮ ᠤᠨ ᠬᠠᠥᠯᠢ ᠲᠦᠭᠡᠮᠡᠯᠵᠢᠬᠦᠯᠬᠦ ᠬᠦᠮᠦᠵᠢᠯ | ᠤᠨ ᠲᠣᠭᠳᠠᠴᠠ ᠶᠢ ᠪᠦᠷᠢᠨᠰᠢᠬᠦᠯᠵᠦ᠂ ᠪᠦᠬᠦ ᠠᠷᠡᠳ ᠤᠨ ᠬᠠᠥᠯᠢ ᠪᠠᠷ ᠵᠠᠰᠠᠬᠤ ᠦᠵᠡᠯᠳᠡ ᠶᠢ ᠨᠡᠮᠡᠭᠳᠡᠭᠦᠯᠦᠨ᠎ᠡ᠃ ᠵᠠᠰᠠᠭ ᠤᠨ ᠶᠠᠪᠣᠳᠠᠯ ᠢ ᠢᠯᠡ ᠪᠣᠯᠭᠠᠬᠤ ᠡᠷᠴᠢᠮ ᠢ | ᠨᠡᠮᠡᠭᠳᠡᠭᠦᠯᠵᠦ᠂ ᠡᠨᠡ ᠵᠢᠯ ᠳᠤ ᠬᠠᠭᠠᠰ ᠠᠴᠠ ᠲᠡᠭᠡᠭᠰᠢᠬᠢ ᠠᠶᠢᠮᠠᠭ ᠬᠤᠳᠡ᠂ ᠬᠤᠰᠢᠭᠤ ᠰᠢᠶᠡᠨ ᠤ ︽ᠠᠯᠪᠠᠨ ᠤ ᠭᠤᠷᠪᠠᠨ ᠵᠦᠢᠯ ᠤᠨ ᠵᠠᠷᠣᠳᠠᠯ︾ ᠢ ᠨᠡᠶᠢᠭᠡᠮ ᠳᠤ | ᠢᠯᠡ ᠪᠣᠯᠭᠠᠨ᠎ᠠ᠃ ᠦᠪᠡᠷᠳᠡᠭᠡᠨ ᠵᠠᠰᠠᠬᠤ ᠣᠷᠣᠨ᠂ ᠠᠶᠢᠮᠠᠭ ᠬᠤᠳᠡ᠂ ᠬᠤᠰᠢᠭᠤ ᠰᠢᠶᠡᠨ ᠭᠤᠷᠪᠠᠨ ᠱᠠᠳᠣᠨ ᠤ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ | ᠲᠠᠪᠴᠠᠩ ᠢ ᠲᠡᠭᠦᠯᠳᠡᠷᠵᠢᠬᠦᠯᠵᠦ᠂ ᠪᠦᠬᠦ ᠣᠷᠣᠨ ᠤ ᠨᠢᠭᠡᠳᠣᠯᠳᠡᠢ ᠪᠠᠷ ᠰᠦᠯᠵᠢᠶᠡᠨ ᠲᠡᠭᠡᠷ᠎ᠡ ᠠᠵᠢᠯ ᠡᠷᠬᠢᠯᠡᠬᠦ ᠶᠡᠭᠡ ᠲᠠᠩᠬᠢᠮ ᠢ ᠪᠠᠶᠢᠭᠤᠯᠵᠦ᠂ ᠲᠦᠪᠯᠡᠷᠡᠭᠦᠯᠦᠨ | ᠭᠦᠢᠴᠡᠳᠭᠡᠬᠦ ᠪᠡ ᠰᠦᠯᠵᠢᠶᠡᠨ ᠲᠡᠭᠡᠷ᠎ᠡ ᠬᠢᠨᠡᠨ ᠵᠦᠪᠰᠢᠶᠡᠷᠡᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠣᠨ᠎ᠠ᠃ ᠦᠨᠳᠣᠰᠣᠨ ᠱᠠᠳᠣᠨ ᠤ ᠵᠠᠰᠠᠭ ᠤᠨ ᠶᠠᠪᠣᠳᠠᠯ ᠤᠨ | ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠡᠭᠡᠭᠰᠢᠯᠡᠬᠦᠯᠦᠨ᠂ ᠣᠯᠠᠨ ᠲᠦᠮᠡᠨ ᠳᠤ ᠲᠦᠭᠦᠮ ᠲᠦᠳᠡ ᠲᠦᠷᠭᠡᠨ ᠦᠢᠯᠡᠴᠢᠯᠡᠭᠡ ᠬᠠᠩᠭᠠᠨ᠎ᠠ᠃ ᠴᠢᠬᠤᠯᠠ ᠶᠡᠭᠡ ᠵᠠᠰᠠᠭ | ᠵᠠᠬᠢᠷᠭᠠᠨ ᠤ ᠰᠢᠢᠳᠪᠦᠷᠢᠳᠦ ᠪᠣᠳᠣᠯᠭ᠎ᠠ ᠲᠣᠭᠳᠠᠭᠠᠬᠤ ᠲᠦᠷᠢᠮ ᠢ ᠪᠦᠷᠢᠨᠰᠢᠬᠦᠯᠵᠦ᠂ ᠣᠯᠠᠨ ᠲᠦᠮᠡᠨ ᠤ ᠠᠮᠢ ᠪᠡᠶ᠎ᠡ ᠶᠢᠨ ᠠᠰᠢᠭ ᠲᠣᠰᠠ ᠳᠤ ᠬᠤᠯᠪᠣᠭᠳᠠᠬᠤ | ᠴᠢᠬᠤᠯᠠ ᠶᠡᠭᠡ ᠰᠢᠢᠳᠪᠦᠷᠢᠳᠦ ᠪᠣᠳᠣᠯᠭ᠎ᠠ ᠲᠣᠭᠳᠠᠭᠠᠬᠤ ᠳᠤ ᠡᠷᠬᠡᠪᠰᠢ ᠣᠯᠠᠨ ᠲᠦᠮᠡᠨ ᠤ ᠰᠠᠨᠠᠯ ᠢ ᠬᠤᠷᠢᠶᠡᠵᠦ᠂ ᠵᠠᠰᠠᠭ ᠵᠠᠬᠢᠷᠭᠠᠨ ᠤ ᠰᠢᠢᠳᠪᠦᠷᠢᠳᠦ ᠪᠣᠳᠣᠯᠭ᠎ᠠ | ᠲᠣᠭᠳᠠᠭᠠᠬᠤ ᠶᠢᠨ ᠰᠢᠨᠵᠢᠯᠡᠬᠦ ᠣᠬᠠᠭᠠᠨᠴᠢᠯᠠᠯᠳᠠ᠂ ᠠᠷᠡᠳᠴᠢᠯᠠᠯᠳᠠ ᠪᠠ ᠬᠠᠥᠯᠢ ᠲᠦᠷᠢᠮᠵᠢᠯᠳᠡ ᠶᠢᠨ ᠬᠢᠷᠢ ᠬᠡᠮᠵᠢᠶ᠎ᠡ ᠶᠢ ᠲᠡᠭᠡᠭᠰᠢᠯᠡᠬᠦᠯᠦᠨ᠎ᠡ᠃ ᠭᠤᠷᠪᠠᠳᠣᠭᠠᠷ | ᠣᠳᠠᠭᠠᠨ ᠤ ᠠᠵᠦ ᠠᠬᠤᠢ ᠶᠢᠨ ᠨᠡᠶᠢᠳᠡᠮ ᠪᠠᠶᠢᠴᠠᠭᠠᠯᠳᠠ ᠶᠢᠨ ᠠᠵᠢᠯ ᠢ ᠬᠢᠨᠠᠮᠠᠭᠠᠢ ᠰᠠᠶᠢᠳᠣᠷ ᠬᠢᠵᠦ᠂ ᠪᠦᠬᠦ ᠪᠠᠶᠢᠳᠠᠯ ᠢ ᠨᠢ ᠣᠯᠠᠮ ᠨᠢᠬᠡ ᠠᠯᠬᠤᠮ ᠲᠣᠳᠣᠷᠬᠠᠢ | ᠣᠶᠢᠯᠠᠭᠠᠨ᠎ᠠ᠃ ︽ᠶᠡᠭᠡ ᠪᠠᠷ ᠨᠠᠶᠢᠳᠠᠪᠣᠷᠢᠵᠢᠭᠤᠯᠬᠤ︾ ᠠᠵᠢᠯᠯᠠᠭ᠎ᠠ ᠶᠢ ᠭᠦᠨᠵᠡᠬᠡᠢ ᠦᠷᠨᠢᠭᠦᠯᠵᠦ᠂ ᠴᠢᠬᠤᠯᠠ ᠶᠡᠭᠡ ᠰᠢᠢᠳᠪᠦᠷᠢᠳᠦ ᠪᠣᠳᠣᠯᠭ᠎ᠠ᠂ ᠲᠣᠰᠬᠠᠢ ᠵᠦᠢᠯ ᠤᠨ | ᠲᠦᠯᠦᠪᠵᠢᠭᠦᠯᠬᠡ᠂ ᠭᠤᠣᠯᠳᠠᠯᠭ᠎ᠠ ᠲᠠᠢ ᠲᠦᠷᠦᠯ ᠵᠦᠢᠯ ᠤᠨ ᠰᠢᠮᠳᠠᠭᠤᠯᠣᠨ ᠪᠠᠶᠢᠴᠠᠭᠠᠬᠤ ᠪᠠ ᠲᠣᠬᠢᠷᠠᠭᠤᠯᠬᠤ ᠶᠢ ᠴᠢᠩᠭᠠᠳᠬᠠᠵᠦ᠂ ᠡᠯ᠎ᠡ ᠵᠦᠢᠯ ᠤᠨ ᠠᠵᠢᠯ ᠢ | ᠨᠠᠶᠢᠳᠠᠪᠣᠷᠢᠵᠢᠭᠤᠯᠣᠨ ᠪᠣᠳᠠᠳᠠᠶᠢᠵᠢᠭᠤᠯᠬᠤ ᠶᠢ ᠦᠨᠡᠨᠬᠦ ᠪᠠᠳᠣᠯᠠᠨ᠎ᠠ᠃ ︽ᠨᠠᠮ ᠵᠠᠰᠠᠭ ᠤᠨ ᠪᠠᠶᠢᠭᠤᠯᠣᠯᠭ᠎ᠠ ᠰᠠᠶᠢᠳᠣᠷ ᠭᠠᠮᠨᠠᠨ ᠠᠷᠪᠢᠯᠠᠵᠦ ᠪᠦᠷᠢᠯᠭᠡᠨ ᠰᠦᠢᠳᠭᠡᠬᠦ ᠶᠢ | ᠡᠰᠡᠷᠭᠦᠴᠡᠬᠦ ᠲᠣᠭᠳᠠᠭᠠᠯ ︾ ᠢ ᠴᠢᠩᠭ᠎ᠠ ᠵᠢᠷᠣᠮᠯᠠᠨ᠂ ︽ᠠᠯᠪᠠᠨ ᠤ ᠭᠤᠷᠪᠠᠨ ᠵᠦᠢᠯ ᠤᠨ ᠵᠠᠷᠣᠳᠠᠯ︾ ᠪᠠ ᠡᠩ ᠤᠨ ᠴᠢᠨᠡᠷᠳᠡᠢ ᠵᠠᠷᠣᠯᠭ᠎ᠠ ᠶᠢ ᠣᠯᠠᠮ ᠨᠢᠬᠡ ᠠᠯᠬᠤᠮ | ᠪᠠᠭᠠᠰᠬᠠᠵᠦ᠂ ᠵᠠᠰᠠᠭ ᠤᠨ ᠣᠷᠳᠣᠨ ᠤ ᠰᠢᠨᠵᠢ ᠲᠠᠢ ᠠᠰᠠᠷ ᠲᠠᠩᠬᠢᠮ ᠪᠠᠭᠤᠳᠠᠯ ᠭᠠᠵᠠᠷ ᠢ ᠰᠢᠨ᠎ᠡ ᠪᠠᠷ ᠪᠠᠶᠢᠭᠤᠯᠬᠤ ᠦᠬᠡᠢ᠂ ᠡᠳ᠋ ᠤᠨ ᠵᠰᠠᠭ ᠠᠴᠠ ᠴᠠᠯᠢᠩ ᠬᠦᠯᠦᠰᠦ | ᠶᠢ ᠨᠢ ᠦᠭᠭᠦ ᠬᠦᠮᠦᠰ ᠢ ᠨᠡᠮᠡᠭᠳᠡᠭᠦᠯᠬᠦ ᠦᠬᠡᠢ᠂ ᠪᠠᠷᠢᠮᠵᠢᠶ᠎ᠠ ᠠᠴᠠ ᠬᠡᠳᠦᠷᠡᠭᠰᠡᠨ ᠠᠯᠪᠠᠯᠠᠬᠤ ᠭᠡᠷ ᠪᠠ ᠪᠠᠷᠢᠮᠵᠢᠶ᠎ᠠ ᠠᠴᠠ ᠬᠡᠳᠦᠷᠡᠭᠰᠡᠨ ᠣᠷᠣᠨ ᠲᠤᠭ᠎ᠠ ᠠᠴᠠ | ᠬᠡᠳᠦᠷᠡᠭᠰᠡᠨ ᠠᠯᠪᠠᠨ ᠤ ᠲᠡᠷᠭᠡ ᠶᠢ ᠪᠦᠬᠦ ᠲᠠᠯ᠎ᠠ ᠪᠠᠷ ᠢᠯᠭᠠᠷᠠᠭᠤᠯᠣᠨ᠎ᠠ᠃ ᠠᠷᠢᠭᠤᠨ ᠴᠢᠭᠡᠴᠢ ᠪᠠᠷ ᠵᠠᠰᠠᠭ ᠪᠠᠷᠢᠬᠤ ᠪᠠ ᠢᠯᠵᠢᠷᠡᠮᠡᠯ ᠢ ᠡᠰᠡᠷᠭᠦᠴᠡᠬᠦ ᠲᠡᠮᠡᠴᠡᠯ ᠢ | ᠭᠦᠨᠵᠡᠭᠡᠢ ᠦᠷᠨᠢᠬᠦᠯᠵᠦ᠂ ᠵᠠᠰᠠᠭ ᠵᠠᠬᠢᠷᠭᠠᠨ ᠤ ᠡᠷᠬᠡ ᠳᠤ ᠬᠢᠵᠠᠭᠠᠷᠯᠠᠯ ᠬᠢᠵᠦ ᠬᠢᠨᠡᠯᠳᠡ ᠲᠠᠯᠪᠢᠬᠤ ᠶᠢ ᠴᠢᠩᠭᠠᠷᠠᠭᠤᠯᠣᠨ᠂ ᠲᠦᠷᠢᠮ ᠠᠴᠠ ᠵᠦᠷᠢᠴᠡᠭᠰᠡᠨ ᠦᠢᠯᠡ | ᠠᠵᠢᠯᠯᠠᠭ᠎ᠠ ᠳᠤ ᠵᠠᠰᠠᠭ ᠵᠠᠬᠢᠷᠭᠠᠨ ᠤ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢ ᠨᠡᠮᠡᠭᠳᠡᠭᠦᠯᠦᠨ᠂ ᠣᠯᠠᠨ ᠨᠡᠶᠢᠳᠡ ᠶᠢᠨ ᠡᠬᠢ ᠪᠠᠶᠠᠯᠢᠭ ᠢ ᠠᠷᠠᠯᠵᠢᠶᠠᠯᠠᠬᠤ ᠲᠠᠪᠴᠠᠩ ᠤᠨ | ᠪᠠᠶᠢᠭᠤᠯᠣᠯᠳᠠ ᠶᠢ ᠲᠦᠷᠭᠡᠳᠭᠡᠵᠦ᠂ ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ᠂ ᠭᠤᠣᠯᠳᠠᠯᠭ᠎ᠠ ᠲᠠᠢ ᠲᠦᠷᠦᠯ ᠵᠦᠢᠯ᠂ ᠭᠤᠣᠯᠳᠠᠯᠭ᠎ᠠ ᠲᠠᠢ ᠪᠡᠯᠡ ᠮᠦᠩᠬᠦ ᠳᠤ ᠬᠢᠨᠠᠨ | ᠪᠣᠳᠣᠵᠦ ᠬᠢᠨᠠᠯᠳᠠ ᠲᠠᠯᠪᠢᠬᠤ ᠶᠢ ᠴᠢᠩᠭᠠᠳᠬᠠᠨ᠂ ᠢᠯᠵᠢᠷᠡᠯ ᠬᠢᠯᠪᠠᠷᠬᠠᠨ ᠡᠭᠦᠰᠬᠦ ᠣᠯᠠᠨᠳᠠ ᠡᠭᠦᠰᠬᠦ ᠬᠦᠷᠢᠶ᠎ᠡ ᠬᠡᠪᠴᠢᠶᠡᠨ ᠤ ᠦᠭᠡᠷᠡᠴᠢᠯᠡᠯᠳᠡ ᠶᠢ ᠲᠦᠯᠬᠢᠨ | ᠠᠬᠢᠭᠤᠯᠵᠦ᠂ ᠡᠷᠬᠡ ᠶᠢ ᠲᠦᠷᠢᠮ ᠤᠨ ︽ᠬᠤᠨᠣᠭᠤᠷᠢ︾ ᠳᠤ ᠬᠤᠷᠢᠵᠦ ᠲᠠᠯᠪᠢᠨ᠎ᠠ ᠃ | 2017 ᠣᠨ ᠳᠤ ᠪᠢᠳᠡ ᠦᠪᠡᠷᠳᠡᠭᠡᠨ ᠵᠠᠰᠠᠬᠤ ᠣᠷᠣᠨ ᠪᠠᠶᠢᠭᠤᠯᠣᠭᠳᠠᠭᠰᠠᠨ 70 ᠵᠢᠯ ᠤᠨ ᠣᠢ ᠶᠢᠨ ᠦᠪᠡᠳᠡᠭᠰᠢ ᠶᠡᠭᠡ ᠪᠠᠶᠠᠷ ᠢ ᠣᠭᠳᠣᠬᠤ ᠪᠣᠯᠣᠨ᠎ᠠ᠃ | ᠠᠷᠡᠳ ᠤᠨ ᠠᠮᠢᠳᠣᠷᠡᠯ ᠢ ᠡᠩ ᠲᠡᠷᠢᠬᠦᠨ ᠳᠤ ᠪᠠᠶᠢᠯᠭᠠᠬᠤ᠂ ᠪᠣᠳᠠᠳᠠᠢ ᠶᠢ ᠡᠷᠬᠢᠮᠯᠡᠨ ᠠᠷᠪᠢᠯᠠᠨ ᠭᠠᠮᠨᠠᠬᠤ᠂ ᠴᠢᠳᠠᠯ ᠤᠨ ᠬᠢᠷᠢ ᠪᠠᠷ ᠢᠶᠠᠨ ᠬᠢᠬᠦ ᠵᠠᠷᠴᠢᠮ ᠤᠨ ᠶᠣᠰᠣᠭᠠᠷ | ᠂ ᠰᠠᠭᠤᠷᠢ ᠪᠡᠯᠡᠳᠭᠡᠮᠵᠢ᠂ ᠠᠵᠦ ᠦᠢᠯᠡᠰ ᠤᠨ ᠬᠦᠭᠵᠢᠯᠳᠡ᠂ ᠬᠤᠳᠡ ᠬᠦᠳᠡᠭᠡ ᠶᠢᠨ ᠪᠦᠳᠦᠭᠡᠨ ᠪᠠᠶᠢᠭᠤᠯᠣᠯᠳᠠ᠂ ᠠᠮᠢ ᠠᠬᠤᠢ ᠶᠢᠨ ᠬᠠᠮᠠᠭᠠᠯᠠᠯᠳᠠ᠂ ᠠᠷᠡᠳ ᠤᠨ | ᠠᠮᠢᠳᠣᠷᠡᠯ ᠤᠨ ᠪᠠᠳᠣᠯᠠᠭ᠎ᠠ᠂ ᠦᠭᠡᠷᠡᠴᠢᠯᠡᠯᠳᠡ ᠨᠡᠭᠡᠭᠡᠯᠳᠡ ᠪᠣᠯᠣᠨ ᠣᠷᠣᠨ ᠪᠦᠰᠡ ᠶᠢᠨ ᠵᠣᠬᠢᠴᠠᠩᠭᠤᠢ ᠪᠠᠷ ᠬᠦᠭᠵᠢᠬᠦ ᠶᠢ ᠠᠬᠢᠭᠤᠯᠬᠤ ᠵᠡᠷᠬᠡ ᠬᠦᠷᠢᠶ᠎ᠡ ᠬᠡᠪᠴᠢᠶᠡᠨ ᠤ | ᠨᠢᠬᠡ ᠪᠦᠯᠦᠭ ᠴᠢᠬᠤᠯᠠ ᠶᠡᠭᠡ ᠢᠨᠵᠧᠨᠧᠷᠢᠩ ᠪᠠ ᠲᠦᠷᠦᠯ ᠵᠦᠢᠯ ᠢ ᠰᠦᠪᠡᠭᠴᠢᠯᠡᠨ ᠬᠡᠷᠡᠭᠵᠢᠬᠦᠯᠵᠦ᠂ ᠦᠪᠡᠷᠳᠡᠭᠡᠨ ᠵᠠᠰᠠᠬᠤ ᠣᠷᠣᠨ ᠤ 70 ᠵᠢᠯ ᠤᠨ ᠣᠢ ᠳᠤ | ᠪᠡᠯᠡᠭ ᠪᠣᠯᠭᠠᠨ᠂ ᠦᠨᠳᠣᠰᠣᠳᠡᠨ ᠨᠦᠭᠦᠳ ᠤᠨ ᠣᠯᠠᠨ ᠲᠦᠮᠡᠨ ᠳᠤ ᠲᠡᠬᠦᠨ ᠤ ᠲᠣᠮᠳᠠ ᠠᠴᠠ ᠪᠣᠳᠠᠳᠣ ᠠᠰᠢᠭ ᠬᠦᠷᠳᠡᠭᠡᠨ᠂ ᠨᠡᠶᠢᠭᠡᠮ ᠵᠢᠷᠣᠮᠳᠣ ᠪᠠᠶᠢᠭᠤᠯᠣᠯ ᠪᠠ | ᠦᠨᠳᠣᠰᠣᠳᠡᠨ ᠤ ᠣᠷᠣᠨ ᠤ ᠦᠪᠡᠷᠳᠡᠭᠡᠨ ᠵᠠᠰᠠᠬᠤ ᠲᠦᠷᠢᠮ ᠤᠨ ᠯᠣᠳᠣ ᠶᠡᠭᠡ ᠲᠠᠪᠠᠭᠤᠯᠢᠭ ᠴᠢᠨᠠᠷ ᠢ ᠭᠦᠢᠴᠡᠳ ᠬᠦᠷᠳᠡᠭᠡᠯᠭᠡᠨᠡ᠃ | ᠲᠦᠯᠦᠭᠡᠯᠡᠭᠴᠢᠳ ᠡ᠂ ᠨᠠᠮ ᠤᠨ ᠠᠷᠪᠠᠨ ᠨᠠᠶᠢᠮᠠᠳᠣᠭᠠᠷ ᠬᠤᠭᠤᠴᠠᠭᠠᠨ ᠤ ᠲᠦᠪ ᠬᠤᠷᠢᠶᠡᠨ ᠤ ᠭᠤᠷᠪᠠᠳᠣᠭᠠᠷ ᠪᠦᠭᠦᠳᠡ ᠬᠤᠷᠡᠯ ᠠᠴᠠ ᠦᠭᠡᠷᠡᠴᠢᠯᠡᠯᠳᠡ ᠶᠢ | ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠠᠷᠠᠯᠳᠠ ᠶᠢ ᠲᠣᠷᠠᠳᠣᠭᠰᠠᠨ ᠶᠠᠪᠣᠳᠠᠯ ᠨᠢ ᠬᠦᠮᠦᠰ ᠢ ᠵᠣᠷᠢᠭᠵᠢᠭᠤᠯᠣᠨ ᠬᠦᠴᠦᠯᠡᠨ ᠣᠷᠣᠭᠰᠢᠯᠠᠭᠤᠯᠵᠦ᠂ ᠦᠭᠡᠷᠡᠴᠢᠯᠡᠯᠳᠡ | ᠨᠡᠭᠡᠭᠡᠯᠳᠡ ᠪᠠ ᠣᠳᠣᠬᠢᠴᠢᠯᠠᠬᠤ ᠪᠦᠳᠦᠭᠡᠨ ᠪᠠᠶᠢᠭᠤᠯᠣᠯᠳᠡ ᠶᠢᠨ ᠰᠢᠨ᠎ᠡ ᠠᠶᠠᠨ ᠵᠠᠮ ᠢ ᠨᠡᠭᠡᠭᠡᠭᠰᠡᠨ ᠶᠣᠮ᠃ ᠪᠢᠳᠡ ᠰᠢ ᠶᠢᠨ ᠫᠢᠩ ᠨᠦᠬᠦᠷ ᠢᠶᠠᠷ ᠶᠡᠷᠦᠩᠬᠡᠢ ᠱᠦᠵᠢ | ᠪᠣᠯᠭᠠᠭᠰᠠᠨ ᠨᠠᠮ ᠤᠨ ᠲᠦᠪ ᠬᠤᠷᠢᠶᠡᠨ ᠤ ᠲᠣᠭᠤᠷᠢᠨ ᠳᠤ ᠨᠡᠩ ᠨᠢᠭᠳᠠᠷᠠᠨ ᠪᠦᠯᠬᠦᠮᠳᠡᠵᠦ᠂ ᠢᠳᠡᠭᠡᠯ ᠵᠣᠷᠢᠭ ᠢᠶᠠᠨ ᠪᠠᠳᠣᠳᠬᠠᠨ᠂ ᠴᠤᠭ ᠰᠦᠯᠳᠡ ᠪᠠᠨ | ᠪᠠᠳᠠᠷᠠᠭᠤᠯᠣᠨ᠂ ᠦᠨᠡᠨ ᠢ ᠪᠠᠷᠢᠮᠳᠠᠯᠠᠨ ᠪᠣᠳᠠᠳᠠᠢ ᠶᠢ ᠡᠷᠬᠢᠮᠯᠡᠵᠦ᠂ ᠬᠦᠴᠢᠷ ᠢ ᠰᠦᠷᠦᠨ ᠣᠷᠣᠭᠰᠢᠯᠠᠨ᠂ ᠦᠭᠡᠷᠡᠴᠢᠯᠡᠯᠳᠡ ᠬᠢᠬᠦ ᠬᠦᠭᠵᠢᠬᠦᠯᠬᠦ ᠲᠣᠭᠳᠠᠭᠤᠨ | ᠪᠠᠶᠢᠯᠭᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠳᠣᠳᠠᠢ ᠰᠠᠶᠢᠳᠣᠷ ᠬᠢᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠣᠨ ᠪᠦᠳᠦᠭᠡᠬᠦ᠂ ᠮᠠᠨ ᠤ ᠣᠷᠣᠨ | ᠤ ᠰᠢᠨᠵᠢᠯᠡᠬᠦ ᠣᠬᠠᠭᠠᠨᠴᠢ ᠪᠠᠷ ᠬᠦᠭᠵᠢᠭᠰᠡᠨ᠂ ᠠᠷᠡᠳ ᠢ ᠪᠠᠶᠠᠵᠢᠭᠤᠯᠣᠨ ᠣᠷᠣᠨ ᠢᠶᠠᠨ ᠬᠦᠴᠦᠷᠭᠡᠭᠵᠢᠭᠦᠯᠦᠭᠰᠡᠨ ᠰᠢᠨ᠎ᠡ ᠪᠠᠶᠢᠳᠠᠯ ᠢ ᠬᠦᠴᠦᠯᠡᠨ ᠪᠣᠢ ᠪᠣᠯᠭᠠᠬᠤ ᠶᠢᠨ | ᠲᠦᠯᠦᠭᠡ ᠴᠢᠷᠮᠠᠶᠢᠨ ᠲᠡᠮᠡᠴᠡᠵᠡᠭᠡᠶ᠎ᠡ︕ |