︵1︶ ᠥᠨᠳᠥᠷ ᠬᠠᠯᠠᠭᠤᠨ | ᠨᠢᠭᠡ ᠡᠳᠥᠷ ᠤᠨ ᠬᠠᠮᠤᠭ ᠥᠨᠳᠥᠷ ᠠᠭᠠᠷ ᠤᠨ ᠲᠤᠯᠠᠭᠠᠨ ᠤ ᠭᠡᠮᠵᠢᠶ᠎ᠡ ᠨᠢ 35℃ ᠬᠥᠷᠬᠦ ᠪᠤᠶᠤ ᠭᠡᠳᠥᠷᠡᠪᠡᠯ ᠥᠨᠳᠥᠷ ᠬᠠᠯᠠᠭᠤᠨ ᠤ ᠴᠠᠭ ᠠᠭᠤᠷ | ᠭᠡᠳᠡᠭ᠃ ᠭᠡᠷᠪᠡ ᠥᠷᠬᠦᠯᠵᠢᠯᠡᠨ ᠭᠡᠳᠥᠨ ᠡᠳᠥᠷ ᠬᠠᠮᠤᠭ ᠥᠨᠳᠥᠷ ᠠᠭᠠᠷ ᠤᠨ ᠲᠤᠯᠠᠭᠠᠨ ᠤ ᠭᠡᠮᠵᠢᠶ᠎ᠡ ᠨᠢ ᠪᠥᠷ 35℃ ᠠᠴᠠ ᠭᠡᠳᠥᠷᠡᠪᠡᠯ ᠬᠥᠮᠥᠰ ᠲᠡᠬᠦᠨ ᠢ ︽ | ᠥᠨᠳᠥᠷ ᠬᠠᠯᠠᠭᠤᠨ ᠠᠭᠠᠷ ᠤᠷᠤᠰᠬᠠᠯ︾ ᠤᠨ ᠴᠠᠭ ᠠᠭᠤᠷ ᠬᠡᠳᠡᠭ᠃ ᠥᠪᠥᠷ ᠮᠤᠩᠭᠤᠯ ᠤᠨ ᠥᠨᠳᠥᠷ ᠬᠠᠯᠠᠭᠤᠨ ᠤ ᠴᠠᠭ ᠠᠭᠤᠷ ᠨᠢ ᠭᠤᠤᠯᠳᠠᠭᠤ 6 ᠳ᠋ᠤᠭᠠᠷ | ᠰᠠᠷ᠎ᠠ ᠶᠢᠨ ᠲᠤᠮᠳᠠᠴᠢ ᠠᠴᠠ 8 ᠳ᠋ᠤᠭᠠᠷ ᠰᠠᠷ᠎ᠠ ᠶᠢᠨ ᠡᠬᠢ ᠬᠥᠷᠳᠡᠯ᠎ᠡ ᠢᠯᠡᠷᠡᠳᠡᠭ ᠶᠤᠮ᠃ ᠥᠨᠳᠥᠷ ᠬᠠᠯᠠᠭᠤᠨ ᠤ ᠪᠠᠴᠢᠮ ᠪᠠᠶᠢᠳᠠᠯ ᠢ ᠠᠷᠭᠠᠴᠠᠬᠤ ᠳᠤ᠄ | ① ᠦᠨᠳᠤᠷ ᠬᠠᠯᠠᠭᠤᠨ ᠤ ᠴᠠᠭ ᠬᠤᠭᠤᠴᠠᠭᠠᠨ ᠳᠤ ᠭᠠᠳᠠᠨᠠᠬᠢ ᠬᠦᠳᠡᠯᠭᠡᠭᠡᠨ ᠠᠴᠠ ᠴᠢᠳᠠᠬᠤ ᠶᠢᠨ ᠲᠤᠳᠤᠷ᠎ᠠ ᠵᠠᠶᠢᠯᠠᠰᠭᠢᠵᠤ᠂ ᠦᠨᠳᠤᠷ ᠬᠠᠯᠠᠭᠤᠨ ᠤ | ᠤᠷᠴᠢᠨ ᠨᠦᠬᠦᠴᠡᠯ ᠳᠤ ᠠᠵᠢᠯᠯᠠᠭᠰᠠᠳ ᠠᠵᠢᠯᠯᠠᠬᠤ ᠴᠠᠭ ᠢᠶᠠᠨ ᠪᠤᠭᠤᠨᠢᠰᠬᠠᠬᠤ ᠬᠡᠷᠡᠭᠳᠡᠢ᠃ | ② ᠦᠳᠡᠯᠦᠭᠰᠡᠨ᠂ ᠪᠠᠭᠤᠷᠠᠢ᠂ ᠡᠪᠡᠳᠴᠢᠨ ᠲᠠᠢ᠂ ᠨᠢᠯᠬ᠎ᠠ ᠬᠡᠤᠭᠡᠳ ᠲᠤ ᠦᠨᠳᠤᠷ ᠬᠠᠯᠠᠭᠤᠨ ᠠᠴᠠ ᠰᠡᠷᠭᠡᠶᠢᠯᠡᠬᠦ ᠵᠢᠯᠦᠭᠤᠳᠤᠮᠵᠢ ᠦᠭᠬᠦ ᠶᠢᠨ ᠬᠠᠮᠳᠤ | ᠴᠢᠬᠤᠯᠨ ᠪᠦᠬᠦᠢ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠬᠡᠷᠡᠭᠳᠡᠢ᠃ | ③ ᠴᠠᠬᠢᠯᠭᠠᠨ ᠬᠡᠷᠡᠭᠯᠡᠬᠦ ᠬᠡᠮᠵᠢᠶ᠎ᠡ ᠬᠡᠳᠤᠷᠡᠬᠦ᠂ ᠴᠠᠬᠢᠯᠭᠠᠨ ᠤᠳᠠᠰᠤ᠂ ᠬᠦᠴᠤᠳᠡᠯ ᠦᠬᠡᠷᠡᠴᠢᠯᠡᠭᠴᠢ ᠵᠡᠷᠭᠡ ᠶᠢᠨ ᠴᠠᠬᠢᠯᠭᠠᠨ ᠬᠦᠴᠦᠨ ᠤ ᠲᠠᠭᠠᠭᠠᠴᠠ | ᠬᠡᠳᠦᠷᠡᠭᠰᠡᠨ ᠠᠴᠠ ᠪᠤᠯᠵᠤ᠂ ᠭᠠᠯ ᠤᠨ ᠠᠶᠤᠯ ᠡᠭᠦᠰᠬᠦ ᠠᠴᠠ ᠠᠩᠬᠠᠷᠤᠨ ᠰᠡᠷᠭᠡᠶᠢᠯᠡᠬᠦ ᠬᠡᠷᠡᠭᠳᠡᠢ᠃ | ᠰᠠᠨᠠᠭᠤᠯᠬᠤ ᠨᠢ᠄ | ① ᠬᠤᠯᠪᠤᠭᠳᠠᠯ ᠪᠦᠬᠦᠢ ᠰᠠᠯᠠᠭ᠎ᠠ ᠮᠦᠴᠢᠷ ᠪᠤᠯᠤᠨ ᠨᠢᠭᠡᠴᠢ ᠨᠦᠭᠦᠳ ᠡᠭᠦᠷᠭᠡ ᠬᠠᠷᠢᠭᠤᠴᠠᠯᠭ᠎ᠠ ᠪᠠᠨ ᠦᠨᠳᠤᠰᠦᠯᠡᠵᠤ᠂ ᠨᠠᠷᠠᠰᠢᠬᠤ ᠠᠴᠠ ᠰᠡᠷᠭᠡᠶᠢᠯᠡᠨ | ᠬᠠᠯᠠᠭᠤᠨ ᠢ ᠪᠠᠭᠤᠷᠠᠭᠤᠯᠬᠤ ᠶᠢ ᠪᠠᠳᠤᠯᠠᠬᠤ ᠠᠷᠭ᠎ᠠ ᠬᠡᠮᠵᠢᠶ᠎ᠡ ᠪᠠᠨ ᠨᠠᠶᠢᠳᠠᠪᠦᠷᠢᠵᠢᠭᠤᠯᠬᠤ ᠬᠡᠷᠡᠭᠳᠡᠢ᠃ | ② ᠨᠠᠷᠠᠰᠢᠬᠤ ᠠᠴᠠ ᠰᠡᠷᠭᠡᠶᠢᠯᠡᠨ ᠬᠠᠯᠠᠭᠤᠨ ᠢ ᠪᠠᠭᠤᠷᠠᠭᠤᠯᠬᠤ ᠶᠡᠷᠤᠳᠡ ᠶᠢᠨ ᠡᠮ ᠢ ᠪᠡᠯᠡᠳᠭᠡᠬᠦ ᠬᠡᠷᠡᠭᠳᠡᠢ᠃ ᠵᠢᠱᠢᠶᠡᠯᠡᠪᠡᠯ ᠴᠢᠩ ᠯᠢᠶᠠᠩ ᠶᠢᠤ ᠡᠮ᠂ ᠱᠢ | ᠳ᠋ᠢ ᠱᠦᠢ ᠡᠮ᠂ ᠷᠧᠨ ᠳ᠋ᠠᠨ ᠡᠮ ᠵᠡᠷᠭᠡ᠃ | ③ ᠦᠨᠳᠤᠷ ᠬᠠᠯᠠᠭᠤᠨ ᠴᠠᠭ ᠠᠭᠤᠷ ᠲᠤ ᠬᠦᠮᠦᠰ ᠠᠮᠠᠷᠬᠠᠨ ᠶᠠᠳᠠᠷᠠᠳᠠᠭ ᠲᠤᠯᠨ ᠠᠮᠠᠷᠠᠬᠤ ᠶᠢ ᠠᠩᠬᠠᠷᠴᠤ᠂ ᠣᠨᠳᠠᠬᠤ ᠶᠢ ᠪᠠᠳᠤᠯᠠᠬᠤ ᠬᠡᠷᠡᠭᠳᠡᠢ᠃ | ︵2︶ ᠭᠠᠩ ᠬᠠᠭᠤᠷᠠᠢ | ᠭᠠᠩ ᠬᠠᠭᠤᠷᠠᠢ ᠭᠡᠳᠡᠭ ᠪᠤᠯ ᠤᠳᠠᠭᠠᠨ ᠬᠤᠨᠤᠭ ᠪᠤᠷᠤᠭᠠᠨ ᠬᠤᠷ᠎ᠠ ᠤᠷᠤᠭᠰᠠᠨ ᠥᠭᠡᠢ ᠪᠤᠶᠤ ᠲᠤᠩ ᠴᠥᠭᠡᠨ ᠤᠷᠤᠭᠰᠠᠨ ᠪᠠᠶᠢᠵᠤ᠂ ᠬᠥᠷᠥᠰᠤ ᠰᠢᠷᠤᠢ | ᠶᠢᠨ ᠤᠰᠤᠨ ᠤ ᠭᠡᠮᠵᠢᠶ᠎ᠡ ᠬᠥᠷᠥᠯᠴᠡᠬᠦ ᠥᠭᠡᠢ ᠪᠤᠯᠵᠤ᠂ ᠤᠷᠭᠤᠮᠠᠯ ᠤᠨ ᠤᠰᠤᠨ ᠤ ᠭᠡᠮᠵᠢᠶ᠎ᠡ ᠲᠡᠩᠴᠡᠬᠦᠷᠢ ᠪᠠᠨ ᠠᠯᠳᠠᠭᠰᠠᠨ ᠠᠴᠠ ᠪᠤᠯᠵᠤ᠂ ᠬᠤᠷᠢᠶᠠᠯᠳᠠ | ᠪᠠᠭᠤᠷᠠᠬᠤ ᠪᠠᠶᠢᠭᠠᠯᠢ ᠶᠢᠨ ᠭᠠᠮᠰᠢᠭ ᠪᠤᠯᠤᠨ᠎ᠠ᠃ ᠭᠠᠩ ᠬᠠᠭᠤᠷᠠᠢ ᠠᠴᠠ ᠤᠰᠤᠨ ᠤ ᠢᠷᠡᠯᠳᠡ ᠲᠤᠳᠠᠭᠳᠠᠵᠤ᠂ ᠤᠷᠭᠤᠮᠠᠯ ᠤᠨ ᠥᠰᠥᠯᠳᠡ ᠪᠤᠶᠢᠵᠢᠯᠳᠠ ᠳᠤ ᠬᠤᠬᠢᠷᠠᠯ | ᠪᠤᠯᠵᠤ᠂ ᠬᠤᠷᠢᠶᠠᠯᠳᠠ ᠤᠨᠠᠯᠳᠠ ᠶᠢ ᠬᠠᠰᠤᠭᠳᠠᠭᠤᠯᠬᠤ ᠪᠠᠷ ᠪᠠᠷᠠᠬᠤ ᠥᠭᠡᠢ ᠪᠠᠰᠠ ᠰᠠᠭᠤᠭᠠᠯᠢ ᠠᠷᠠᠳ ᠤᠨ ᠠᠮᠢᠳᠤᠷᠠᠯ ᠢ ᠨᠥᠯᠥᠭᠡᠯᠡᠵᠤ᠂ ᠠᠵᠤ ᠥᠢᠯᠡᠳᠪᠥᠷᠢ ᠶᠢᠨ | ᠥᠢᠯᠡᠳᠪᠥᠷᠢᠯᠡᠯ ᠵᠢᠴᠢ ᠨᠡᠶᠢᠭᠡᠮ ᠤᠨ ᠠᠵᠤ ᠠᠬᠤᠢ ᠶᠢᠨ ᠠᠵᠢᠯᠯᠠᠭ᠎ᠠ ᠶᠢ ᠨᠥᠯᠥᠭᠡᠯᠡᠳᠡᠭ ᠶᠤᠮ᠃ ᠭᠠᠩ ᠬᠠᠭᠤᠷᠠᠢ ᠶᠢᠨ ᠪᠠᠴᠢᠮ ᠪᠠᠶᠢᠳᠠᠯ ᠢ ᠠᠷᠭᠠᠴᠠᠬᠤ ᠳᠤ᠄ | ① ᠤᠷᠢᠳ ᠢᠶᠠᠷ ᠠᠮᠢᠳᠤᠷᠠᠯ ᠢ ᠲᠥᠪᠬᠢᠨᠡᠬᠦᠯᠵᠤ᠂ ᠲᠠᠷᠠᠭ᠎ᠠ ᠪᠠᠷ ᠨᠢ ᠥᠢᠯᠡᠳᠪᠥᠷᠢᠯᠡᠯ ᠢ ᠠᠷᠭᠠᠴᠠᠬᠤ ᠵᠠᠷᠴᠢᠮ ᠶᠤᠰᠤᠭᠠᠷ ᠰᠠᠭᠤᠭᠠᠯᠢ ᠠᠷᠠᠳ ᠤᠨ | ᠠᠮᠢᠳᠤᠷᠠᠯ ᠤᠨ ᠭᠡᠷᠡᠭᠯᠡᠭᠡᠨ ᠤ ᠤᠰᠤ ᠬᠢᠭᠡᠳ ᠮᠠᠯ ᠤᠨ ᠤᠤᠭᠤᠬᠤ ᠤᠰᠤ ᠶᠢ ᠡᠩ ᠲᠡᠷᠢᠬᠦᠨ ᠳᠤ ᠪᠠᠳᠤᠯᠠᠨ᠎ᠠ᠃ | ② ᠤᠰᠤ ᠶᠢ ᠰᠢᠨᠵᠢᠯᠡᠬᠦ ᠤᠬᠠᠭᠠᠨᠴᠢ ᠪᠠᠷ ᠭᠡᠷᠡᠭᠯᠡᠵᠤ ᠠᠷᠪᠢᠯᠠᠬᠤ ᠨᠢ ᠵᠤᠬᠢᠮᠵᠢᠳᠠᠢ᠃ | ③ ᠲᠡᠷᠢᠶᠠᠯᠠᠬᠤ ᠤᠷᠤᠨ ᠪᠤᠯ ᠲᠡᠷᠢᠮᠠᠯ ᠤᠨ ᠪᠥᠳᠥᠴᠡ ᠪᠠᠨ ᠲᠤᠬᠢᠷᠠᠭᠤᠯᠵᠤ᠂ ᠭᠠᠩ ᠬᠠᠭᠤᠷᠠᠢ ᠠᠴᠠ ᠰᠡᠷᠭᠡᠶᠢᠯᠡᠨ ᠲᠡᠷᠢᠶᠠᠯᠠᠵᠤ᠂ ᠴᠢᠬᠢᠭ ᠢ ᠬᠠᠮᠠᠭᠠᠯᠠᠨ ᠬᠥᠷᠥᠰᠤ | ᠰᠢᠷᠤᠢ ᠶᠢ ᠬᠠᠮᠠᠭᠠᠯᠠᠵᠤ᠂ ᠭᠠᠩ ᠬᠠᠭᠤᠷᠠᠢ ᠶᠢ ᠰᠡᠷᠭᠡᠶᠢᠯᠡᠨ ᠲᠡᠷᠢᠬᠤ ᠪᠤᠶᠤ ᠪᠤᠷᠳᠤᠭᠤᠷ ᠭᠡᠷᠡᠭᠯᠡᠨ ᠭᠠᠩ ᠬᠠᠭᠤᠷᠠᠢ ᠶᠢ ᠰᠡᠷᠭᠡᠶᠢᠯᠡᠨ᠎ᠡ᠃ ᠮᠠᠯᠵᠢᠬᠤ ᠤᠷᠤᠨ ᠪᠤᠯ | ᠪᠡᠯᠴᠢᠭᠡᠷᠯᠡᠬᠦᠯᠥᠨ ᠮᠠᠯᠵᠢᠬᠤ ᠪᠠᠨ ᠪᠠᠭᠠᠰᠬᠠᠨ᠎ᠠ᠃ | ④ ᠪᠤᠷᠤᠭ᠎ᠠ ᠤᠷᠤᠬᠤ ᠠᠯᠢᠪᠠ ᠲᠤᠬᠢᠶᠠᠯ ᠢ ᠠᠰᠢᠭᠯᠠᠨ᠂ ᠪᠤᠷᠤᠭᠠᠨ ᠤ ᠤᠰᠤ ᠶᠢ ᠬᠤᠷᠠᠮᠳᠤᠭᠤᠯᠵᠤ᠂ ᠴᠠᠭ ᠠᠭᠤᠷ ᠤᠨ ᠰᠠᠯᠠᠭ᠎ᠠ ᠮᠥᠴᠢᠷ ᠠᠴᠠ | ᠵᠤᠬᠢᠮᠵᠢᠳᠠᠢ ᠴᠠᠭ ᠲᠤᠨᠢ ᠬᠥᠮᠥᠨ ᠤ ᠬᠥᠴᠤ ᠪᠠᠷ ᠪᠤᠷᠤᠭ᠎ᠠ ᠤᠷᠤᠭᠤᠯᠬᠤ ᠠᠷᠭ᠎ᠠ ᠶᠢ ᠠᠪᠴᠤ ᠪᠤᠯᠤᠨ᠎ᠠ᠃ | ᠰᠠᠨᠠᠭᠤᠯᠬᠤ ᠨᠢ᠄ | ① ᠮᠠᠨ ᠤ ᠤᠷᠤᠨ ᠳᠤ ᠠᠷᠪᠠᠨ ᠵᠢᠯ ᠤᠨ ᠶᠢᠰᠥᠨ ᠵᠢᠯ ᠨᠢ ᠭᠠᠨᠭ᠍ᠳᠠᠵᠤ᠂ ᠵᠢᠯ ᠵᠢᠯ ᠤᠨ ᠬᠠᠪᠤᠷ ᠤᠨ ᠤᠯᠠᠷᠢᠯ ᠢᠶᠠᠷ ᠭᠠᠨᠭ᠍ᠳᠠᠳᠠᠭ ᠪᠤᠯᠬᠤᠷ ᠭᠠᠩ ᠬᠠᠭᠤᠷᠠᠢ | ᠠᠴᠠ ᠰᠡᠷᠭᠡᠶᠢᠯᠡᠬᠦ ᠥᠵᠡᠯ ᠤᠬᠠᠮᠰᠠᠷ ᠢᠶᠠᠨ ᠲᠡᠭᠡᠭᠰᠢᠯᠡᠬᠦᠯᠬᠦ ᠭᠡᠷᠡᠭᠳᠡᠢ᠃ | ② ᠵᠠᠰᠠᠭ ᠤᠨ ᠤᠷᠳᠤᠨ ᠤ ᠤᠰᠤᠨ ᠤ ᠡᠬᠢ ᠰᠤᠷᠪᠤᠯᠵᠢ ᠶᠢᠨ ᠲᠤᠬᠠᠢ ᠨᠢᠭᠡᠳᠥᠯᠳᠡᠢ ᠲᠤᠬᠢᠷᠠᠭᠤᠯᠤᠯᠳᠠ ᠶᠢ ᠢᠳᠡᠪᠬᠢᠳᠡᠢ ᠪᠠᠷ ᠬᠥᠷᠢᠶᠡᠯᠡᠨ ᠬᠠᠮᠵᠢᠯᠴᠠᠭᠠᠷᠠᠢ | ᠃ | ③ ᠥᠢᠯᠡᠳᠪᠥᠷᠢᠯᠡᠯ ᠤᠨ ᠪᠤᠰᠤ ᠴᠢᠨᠠᠷ ᠲᠠᠢ ᠶᠡᠭᠡ ᠭᠡᠮᠵᠢᠶᠡᠨ ᠤ ᠤᠰᠤ ᠭᠡᠷᠡᠭᠯᠡᠳᠡᠭ ᠡᠷᠥᠭᠡ ᠨᠦᠭᠦᠳ ᠤᠨ ᠤᠰᠤ ᠭᠡᠷᠡᠭᠯᠡᠬᠦ ᠶᠢ ᠨᠢ ᠬᠢᠵᠠᠭᠠᠷᠯᠠᠵᠤ ᠪᠤᠯᠤᠨ᠎ᠠ | ᠃ | ④ ᠬᠥᠮᠥᠨ ᠤ ᠪᠡᠶ᠎ᠡ ᠶᠢᠨ ᠠᠮᠢᠰᠬᠤᠯ ᠤᠨ ᠰᠦᠪᠠ ᠶᠢᠨ ᠡᠪᠡᠳᠴᠢᠨ ᠠᠷᠬᠠᠭ ᠢ ᠰᠠᠶᠢᠳᠤᠷ ᠰᠡᠷᠭᠡᠶᠢᠯᠡᠨ᠂ ᠲᠠᠷᠢᠶᠠᠯᠠᠬᠤ ᠤᠷᠤᠨ ᠪᠠ ᠮᠠᠯᠵᠢᠬᠤ ᠤᠷᠤᠨ ᠳᠤ | ᠭᠡᠮ ᠬᠢᠵᠢᠭ ᠤᠨ ᠭᠠᠮᠰᠢᠬ ᠢ ᠰᠠᠶᠢᠳᠤᠷ ᠰᠡᠷᠭᠡᠶᠢᠯᠡᠨ ᠵᠠᠰᠠᠬᠤ ᠭᠡᠷᠡᠭᠳᠡᠢ᠃ | ︵3︶ ᠥᠶᠡᠷ | ᠥᠶᠡᠷ ᠭᠡᠳᠡᠭ ᠪᠤᠯ ᠨᠢᠭᠡ ᠵᠥᠢᠯ ᠤᠨ ᠪᠠᠶᠢᠭᠠᠯᠢ ᠶᠢᠨ ᠥᠵᠡᠭᠳᠡᠯ ᠮᠥᠨ᠃ | ᠰᠢᠷᠥᠬᠦᠨ ᠪᠤᠷᠤᠭᠠᠨ ᠤ ᠤᠰᠤ ᠥᠶᠡᠷᠯᠡᠬᠦ ᠪᠤᠯ ᠬᠠᠮᠤᠭ ᠠᠷᠪᠢᠨ ᠲᠤᠬᠢᠶᠠᠯᠳᠤᠳᠠᠭ ᠮᠥᠷᠳᠡᠭᠡᠨ ᠠᠶᠤᠯ ᠢᠶᠠᠷ ᠬᠠᠮᠤᠭ ᠶᠡᠭᠡ ᠪᠠᠶᠢᠳᠠᠭ᠃ ᠨᠢᠭᠡ ᠤᠳᠠᠭᠠᠨ ᠤ | ᠰᠢᠷᠥᠬᠦᠨ ᠪᠤᠷᠤᠭᠠᠨ ᠪᠤᠶᠤ ᠤᠰᠤᠨ ᠴᠥᠬᠦᠷᠥᠮ ᠰᠡᠳᠡᠷᠡᠬᠦ᠂ ᠤᠰᠤᠨ ᠬᠠᠰᠢᠯᠭ᠎ᠠ ᠶᠡᠬᠦᠷᠡᠬᠦ ᠵᠡᠷᠭᠡ ᠨᠢ ᠴᠥᠮ ᠰᠢᠷᠥᠬᠦᠨ ᠥᠶᠡᠷ ᠪᠤᠯᠳᠠᠭ᠃ ᠡᠶᠢᠮᠥᠷᠬᠦᠦ ᠥᠶᠡᠷ ᠤᠨ | ᠤᠰᠤᠨ ᠤ ᠤᠷᠤᠰᠬᠠᠯ ᠨᠢ ᠲᠥᠷᠭᠡᠨ᠂ ᠤᠰᠤᠨ ᠤ ᠭᠡᠮᠵᠢᠶ᠎ᠡ ᠨᠢ ᠶᠡᠭᠡ᠂ ᠲᠠᠭᠠᠷᠢᠬᠤ ᠬᠥᠴᠥᠨ ᠢᠶᠠᠷ ᠲᠤᠯᠬᠢᠨ᠂ ᠡᠪᠳᠡᠯᠡᠬᠦ ᠴᠢᠨᠠᠷ ᠢᠶᠠᠷ ᠰᠥᠷᠡᠭᠡᠢ ᠪᠠᠶᠢᠵᠤ᠂ ᠥᠶᠡᠷ | ᠥᠡᠭᠭᠡᠷᠡᠭᠰᠡᠨ ᠭᠠᠵᠠᠷ ᠢᠶᠠᠷ ᠭᠡᠷ ᠪᠠᠶᠢᠰᠢᠩ ᠨᠤᠷᠠᠵᠤ᠂ ᠵᠠᠮ ᠬᠠᠷᠢᠯᠴᠠᠭ᠎ᠠ᠂ ᠴᠢᠮᠡᠭᠡ ᠨᠡᠪᠳᠡᠷᠡᠯᠭᠡ ᠬᠢᠭᠡᠳ ᠴᠠᠬᠢᠯᠭᠠᠨ ᠬᠥᠴᠥᠨ ᠲᠠᠰᠤᠷᠠᠵᠤ᠂ ᠠᠷᠠᠳ ᠲᠥᠮᠡᠨ ᠤ ᠠᠮᠢ | ᠨᠠᠰᠤ ᠪᠠ ᠡᠳ᠋ ᠬᠥᠷᠥᠩᠭᠡ ᠳᠤ ᠯᠤᠳᠤ ᠶᠡᠭᠡ ᠬᠤᠬᠢᠷᠠᠯ ᠤᠴᠠᠷᠠᠭᠤᠯᠳᠠᠭ᠃ ᠦᠶᠡᠷ ᠤᠨ ᠪᠠᠴᠢᠮ ᠪᠠᠶᠢᠳᠠᠯ ᠢ ᠠᠷᠭᠠᠴᠠᠬᠤ ᠳᠤ᠄ | ① ᠥᠶᠡᠷ ᠤᠨ ᠭᠠᠮᠰᠢᠬ ᠭᠡᠨᠡᠳᠳᠡ ᠲᠤᠯᠭᠠᠷᠠᠭᠰᠠᠨ ᠥᠶ᠎ᠡ ᠳᠤ ᠥᠨᠳᠥᠷ ᠭᠠᠵᠠᠷ᠂ ᠭᠡᠷ ᠤᠨ ᠤᠷᠤᠢ ᠪᠤᠶᠤ ᠲᠤᠮᠤ ᠮᠤᠳᠤ ᠵᠡᠷᠭᠡ ᠥᠨᠳᠥᠷ ᠭᠠᠵᠠᠷ ᠲᠤ | ᠥᠳᠳᠡᠷ ᠲᠥᠷᠭᠡᠨ ᠢᠶᠠᠷ ᠰᠢᠯᠵᠢᠵᠤ᠂ ᠠᠷᠭ᠎ᠠ ᠰᠥᠪᠡᠭᠴᠢᠯᠡᠨ ᠠᠪᠤᠷᠠᠯᠳᠠ ᠬᠥᠰᠡᠭᠰᠡᠨ ᠴᠢᠮᠡᠭᠡ ᠲᠤᠬᠢᠶ᠎ᠠ ᠥᠭᠴᠤ᠂ ᠠᠪᠤᠷᠠᠨ ᠲᠤᠰᠠᠯᠠᠬᠤ ᠶᠢ ᠬᠦᠯᠢᠶᠡᠨ᠎ᠡ᠃ | ② ᠥᠶᠡᠷ ᠤᠨ ᠰᠡᠷᠡᠮᠵᠢ ᠶᠢᠨ ᠲᠤᠬᠢᠶ᠎ᠠ ᠶᠢ ᠰᠤᠨᠤᠰᠤᠭᠰᠠᠨ ᠲᠠᠷᠤᠢ ᠳᠠᠭᠠᠨ ᠲᠤᠬᠠᠢ ᠶᠢᠨ ᠭᠠᠵᠠᠷ ᠤᠨ ᠵᠠᠰᠠᠭ ᠤᠨ ᠤᠷᠳᠤᠨ ᠤ ᠵᠤᠬᠢᠶᠠᠨ ᠪᠠᠶᠢᠭᠤᠯᠤᠭᠰᠠᠨ | ᠰᠢᠯᠵᠢᠯᠳᠡ ᠶᠢᠨ ᠱᠤᠭᠤᠮ ᠢᠶᠠᠷ ᠤᠷᠢᠳ ᠢᠶᠠᠷ | ᠬᠥᠮᠥᠨ᠂ ᠲᠠᠷᠠᠭ᠎ᠠ ᠳᠤᠨᠢ ᠡᠳ᠋ ᠬᠥᠷᠥᠩᠭᠡ᠂ ᠤᠷᠢᠳ ᠢᠶᠠᠷ ᠨᠠᠰᠤᠳᠠᠶᠢᠴᠤᠳ ᠭᠡᠥᠭᠡᠳ ᠡᠪᠡᠳᠴᠢᠳᠡᠨ ᠵᠡᠮᠳᠡᠭᠴᠤᠳ ᠪᠥᠰᠡᠬᠦ᠋ᠢᠴᠤᠳ᠂ ᠲᠠᠷᠠᠭ᠎ᠠ ᠳᠤᠨᠢ ᠢᠳᠡᠷ | ᠵᠠᠯᠠᠭᠤᠴᠤᠳ ᠢ ᠰᠢᠯᠵᠢᠭᠦᠯᠦᠨ᠎ᠡ᠃ | ③ ᠠᠭᠤᠯᠠᠨ ᠥᠶᠡᠷ ᠲᠤ ᠲᠤᠯᠭᠠᠷᠠᠵᠤ᠂ ᠤᠰᠤᠨ ᠤ ᠬᠥᠨ ᠢ ᠮᠡᠳᠡᠬᠦ ᠶᠢᠨ ᠠᠷᠭ᠎ᠠ ᠥᠭᠡᠢ ᠪᠠᠶᠢᠳᠠᠯ ᠲᠤᠤᠷ᠎ᠠ᠂ ᠭᠠᠳᠤᠯᠬᠤ ᠪᠤᠶᠤ ᠤᠰᠤᠨ ᠳᠤ ᠤᠷᠤᠬᠤ | ᠶᠢ ᠶᠠᠭᠠᠷᠠᠵᠤ ᠪᠤᠯᠬᠤ ᠥᠭᠡᠢ᠃ ᠥᠨᠳᠥᠷ ᠭᠠᠵᠠᠷ ᠲᠤ ᠬᠥᠯᠢᠶᠡᠵᠤ᠂ ᠥᠶᠡᠷ ᠤᠨ ᠤᠰᠤ ᠲᠠᠳᠠᠭᠤᠷᠠᠭᠰᠠᠨ ᠤ ᠰᠡᠬᠦᠯᠡᠷ ᠰᠠᠶ᠋ᠢ ᠭᠠᠳᠤᠯᠬᠤ ᠭᠡᠷᠡᠭᠳᠡᠢ᠃ | ④ ᠨᠠᠮ ᠲᠤᠤᠷ᠎ᠠ ᠭᠠᠵᠠᠷ ᠪᠤᠶᠤ ᠥᠶᠡᠷ ᠤᠨ ᠤᠰᠤᠨ ᠤ ᠰᠤᠪᠠᠭ ᠲᠤ ᠠᠵᠢᠯᠯᠠᠭᠰᠠᠳ ᠥᠶᠡᠷ ᠤᠨ ᠤᠰᠤᠨ ᠤ ᠲᠠᠭᠤ ᠶᠢ ᠰᠤᠨᠤᠰᠤᠮᠠᠭᠴᠠ ᠪᠠᠨ | ᠥᠳᠳᠡᠷ ᠲᠥᠷᠭᠡᠨ ᠢᠶᠠᠷ ᠥᠨᠳᠥᠷ ᠭᠠᠵᠠᠷ ᠲᠤ ᠰᠢᠯᠵᠢᠨ᠎ᠡ᠃ | ⑤ ᠥᠨᠳᠥᠷ ᠬᠥᠴᠥᠳᠡᠯᠳᠤ ᠴᠠᠬᠢᠯᠭᠠᠨ ᠤᠳᠠᠰᠤᠨ ᠤ ᠲᠡᠮᠥᠷ ᠵᠢᠶᠠᠰᠠ ᠬᠡᠯᠪᠠᠶᠢᠵᠤ ᠤᠨᠠᠬᠤ᠂ ᠴᠠᠬᠢᠯᠭᠠᠨ ᠤᠳᠠᠰᠤ ᠤᠨᠵᠢᠢᠵᠤ ᠭᠠᠵᠠᠷ ᠰᠢᠬᠦᠷᠡᠬᠦ ᠪᠤᠶᠤ | ᠲᠠᠰᠤᠷᠠᠭᠰᠠᠨ ᠥᠶ᠎ᠡ ᠳᠤ ᠬᠤᠯᠠ ᠵᠠᠶᠢᠯᠠᠵᠤ᠂ ᠴᠠᠬᠢᠯᠭᠠᠨ ᠳᠤ ᠴᠤᠬᠢᠭᠳᠠᠬᠤ ᠠᠴᠠ ᠰᠡᠷᠭᠡᠶᠢᠯᠡᠬᠦ ᠨᠢ ᠵᠤᠬᠢᠰᠲᠠᠢ᠃ | ᠰᠠᠨᠠᠭᠤᠯᠬᠤ ᠨᠢ᠄ | ① ᠥᠶᠡᠷ ᠨᠢ 6~9 ᠳ᠋ᠤᠭᠡᠷ ᠰᠠᠷ᠎ᠠ ᠶᠢᠨ ᠬᠤᠭᠤᠷᠤᠨᠳᠤ ᠠᠷᠪᠢᠨ ᠡᠬᠦᠰᠳᠡᠭ ᠲᠤᠯᠠ ᠲᠤᠬᠠᠢ ᠶᠢᠨ ᠭᠠᠵᠠᠷ ᠤᠨ ᠴᠠᠭ ᠠᠭᠤᠷ ᠤᠨ ᠮᠡᠳᠡᠭᠡ ᠶᠢ ᠠᠩᠬᠠᠷᠤᠨ | ᠰᠤᠨᠤᠰᠴᠤ᠂ ᠪᠤᠷᠤᠭᠠᠨ ᠬᠤᠷ᠎ᠠ ᠶᠢᠨ ᠪᠠᠶᠢᠳᠠᠯ ᠢ ᠴᠠᠭ ᠲᠤᠬᠠᠢ ᠳᠤᠨᠢ ᠤᠢᠢᠯᠠᠭᠠᠵᠤ᠂ ᠰᠡᠷᠭᠡᠶᠢᠯᠡᠯᠳᠡ ᠪᠠᠨ ᠰᠠᠶᠢᠳᠤᠷ ᠬᠢᠨ᠎ᠡ᠃ | ② ᠤᠰᠤᠨ ᠤ ᠬᠥᠨ ᠨᠢ 0.7m ᠪᠤᠯᠬᠤ ᠥᠶ᠎ᠡ ᠳᠤ᠂ ᠬᠥᠮᠥᠨ ᠤᠰᠤᠨ ᠲᠤᠳᠤᠷ᠎ᠠ ᠠᠶᠠᠯᠠᠬᠤ ᠳᠤ ᠲᠤᠩ ᠬᠥᠴᠢᠷᠳᠡᠳᠡᠭ ᠲᠤᠯᠠ ᠠᠭᠤᠯᠠᠨ ᠥᠶᠡᠷ | ᠲᠤᠯᠭᠠᠷᠠᠭᠰᠠᠨ ᠥᠶ᠎ᠡ ᠳᠤ ᠭᠤᠤᠯ ᠭᠠᠳᠤᠯᠵᠤ ᠪᠤᠯᠬᠤ ᠥᠭᠡᠢ᠃ | ③ ᠶᠡᠭᠡ ᠥᠶᠡᠷ ᠥᠡᠭᠭᠡᠷᠡᠭᠰᠡᠨ ᠤ ᠲᠠᠷᠠᠭ᠎ᠠ ᠤᠤᠭᠤᠬᠤ ᠤᠰᠤᠨ ᠤ ᠪᠠᠨ ᠴᠢᠨᠠᠷ ᠢ ᠪᠠᠶᠢᠴᠠᠭᠠᠵᠤ᠂ ᠤᠤᠭᠤᠬᠤ ᠤᠰᠤᠨ ᠤ ᠴᠢᠨᠠᠷ ᠨᠢ ᠬᠤᠪᠢᠷᠠᠯᠳᠠ ᠲᠠᠢ | ᠪᠤᠯᠤᠭᠰᠠᠨ ᠪᠤᠯ ᠤᠤᠭᠤᠵᠤ ᠪᠤᠯᠬᠤ ᠥᠭᠡᠢ᠃ | ︵4︶ ᠶᠡᠭᠡ ᠰᠠᠯᠭᠢᠨ | ᠰᠠᠯᠬᠢᠨ ᠤ ᠬᠥᠴᠤ ᠨᠢ 6 ᠲᠡᠰ ︵10.8m\s︶ ᠬᠥᠷᠬᠦ ᠪᠤᠶᠤ ᠭᠱᠠᠨ ᠵᠠᠭᠤᠷ᠎ᠠ ᠶᠢᠨ ᠬᠤᠭᠤᠷᠤᠨᠳᠤ ᠰᠠᠯᠬᠢᠨ ᠤ ᠬᠥᠴᠤ ᠨᠢ 17m\s ᠠᠴᠠ | ᠲᠡᠭᠡᠭᠰᠢ ᠳᠤ ᠬᠥᠷᠬᠦ ᠶᠢ ᠶᠡᠭᠡ ᠰᠠᠯᠬᠢᠨ ᠭᠡᠨ᠎ᠡ᠃ ᠶᠡᠭᠡ ᠰᠠᠯᠬᠢᠨ ᠪᠤᠯ ᠨᠢᠭᠡ ᠵᠥᠢᠯ ᠤᠨ ᠪᠠᠶᠢᠭᠠᠯᠢ ᠶᠢᠨ ᠥᠵᠡᠭᠳᠡᠯ᠂ ᠲᠥᠷᠭᠡᠨ ᠬᠤᠷᠳᠤᠴᠠ ᠪᠠᠷ ᠰᠢᠯᠵᠢᠵᠤ ᠪᠠᠶᠢᠭ᠎ᠠ | ᠠᠭᠠᠷ ᠪᠤᠯᠤᠨ᠎ᠠ᠃ ᠶᠡᠭᠡ ᠰᠠᠯᠬᠢᠨ ᠤ ᠡᠬᠦᠰᠥᠭᠰᠡᠨ ᠰᠢᠯᠳᠠᠭᠠᠨ ᠨᠢ ᠠᠳᠠᠯᠢ ᠪᠤᠰᠤ ᠠᠴᠠ ᠪᠤᠯᠵᠤ᠂ ᠲᠡᠬᠦᠨ ᠢ ᠲᠠᠯᠠᠢ ᠶᠢᠨ ᠲᠠᠳᠠᠯᠳᠠ ᠶᠢᠨ ᠶᠡᠭᠡ ᠰᠠᠯᠬᠢᠨ᠂ | ᠠᠶᠤᠩᠭᠠᠳᠤ ᠪᠤᠷᠤᠭᠠᠨ ᠤ ᠶᠡᠭᠡ ᠰᠠᠯᠬᠢᠨ ᠬᠢᠭᠡᠳ ᠬᠤᠢ ᠰᠠᠯᠬᠢᠨ ᠭᠡᠵᠤ ᠬᠤᠪᠢᠶᠠᠵᠤ ᠪᠤᠯᠳᠠᠭ᠃ ᠶᠡᠭᠡ ᠰᠠᠯᠬᠢᠨ ᠤ ᠪᠠᠴᠢᠮ ᠪᠠᠶᠢᠳᠠᠯ ᠢ ᠠᠷᠭᠠᠴᠠᠬᠤ ᠳᠤ᠄ | ① ᠤᠰᠤᠨ ᠳᠤ ᠠᠵᠢᠯᠯᠠᠭᠰᠠᠳ ᠪᠠ ᠨᠠᠰᠢ ᠴᠠᠰᠢ ᠵᠤᠷᠴᠢᠵᠤ ᠪᠠᠶᠢᠭ᠎ᠠ ᠤᠡᠭᠭᠤᠴᠠ ᠨᠢ ᠠᠷᠭᠠᠴᠠᠬᠤ ᠠᠷᠭ᠎ᠠ ᠭᠡᠮᠵᠢᠶ᠎ᠡ ᠶᠢ ᠢᠳᠡᠪᠬᠢᠳᠡᠢ ᠠᠪᠴᠤ᠂ ᠭᠠᠷᠠᠮ | ᠤᠨ ᠪᠡᠯᠡᠳᠭᠡᠮᠵᠢ ᠪᠠᠨ ᠪᠠᠬᠢᠯᠡᠵᠤ᠂ ᠤᠡᠭᠭᠤᠴᠠ ᠶᠢᠨ ᠤᠷᠤᠰᠴᠤ ᠶᠠᠪᠤᠬᠤ᠂ ᠱᠥᠷᠬᠦᠬᠡᠬᠦ ᠪᠠ ᠮᠥᠷᠬᠦᠯᠳᠥᠬᠦ ᠠᠴᠠ ᠰᠡᠷᠭᠡᠶᠢᠯᠡᠨ᠎ᠡ᠃ | ② ᠨᠢᠰᠭᠡᠯ ᠤᠨ ᠪᠠᠭᠤᠳᠠᠯ᠂ ᠲᠡᠭᠡᠳᠤ ᠬᠤᠷᠳᠤᠴᠠᠳᠤ ᠵᠠᠮ ᠵᠡᠷᠭᠡ ᠶᠢᠨ ᠬᠠᠮᠢᠶᠠᠷᠤᠯᠳᠠ ᠶᠢᠨ ᠨᠢᠭᠡᠴᠢ ᠨᠦᠭᠦᠳ ᠵᠠᠮ ᠬᠠᠷᠢᠯᠴᠠᠭ᠎ᠠ ᠶᠢᠨ ᠠᠮᠤᠷ | ᠲᠥᠪᠰᠢᠨ ᠢ ᠪᠠᠳᠤᠯᠠᠬᠤ ᠠᠷᠭ᠎ᠠ ᠭᠡᠮᠵᠢᠶ᠎ᠡ ᠠᠪᠴᠤ᠂ ᠬᠤᠯᠪᠤᠭᠳᠠᠯ ᠪᠥᠬᠦᠢ ᠰᠠᠯᠠᠭ᠎ᠠ ᠮᠥᠴᠢᠷ ᠪᠤᠯᠤᠨ ᠨᠢᠭᠡᠴᠢ ᠨᠢ ᠤᠢ ᠰᠢᠭᠤᠢ᠂ ᠲᠠᠯ᠎ᠠ ᠨᠤᠳᠤᠭ ᠵᠡᠷᠭᠡ ᠭᠠᠵᠠᠷ | ᠤᠷᠤᠨ ᠳᠤ ᠭᠠᠯ ᠲᠥᠢᠮᠡᠷ ᠢ ᠠᠩᠬᠠᠷᠤᠨ ᠰᠡᠷᠭᠡᠶᠢᠯᠡᠵᠤ ᠪᠤᠯᠤᠨ᠎ᠠ᠃ | ③ ᠵᠠᠳᠠᠭᠠᠢ ᠭᠠᠵᠠᠷ ᠲᠠᠯᠠᠪᠠᠢ ᠳᠠᠬᠢ ᠬᠥᠳᠡᠯᠭᠡᠭᠡᠨ ᠪᠤᠯᠤᠨ ᠥᠨᠳᠥᠷ ᠲᠡᠭᠡᠷᠡᠬᠢ ᠵᠡᠷᠭᠡ ᠭᠡᠷ ᠤᠨ ᠭᠠᠳᠠᠨᠠᠬᠢ ᠲᠥᠭᠰᠢᠬᠦᠷᠢᠳᠡᠢ ᠠᠵᠢᠯ ᠢ ᠵᠤᠭᠰᠤᠭᠠᠵᠤ᠂ | ᠠᠶᠤᠯ ᠲᠠᠢ ᠭᠠᠵᠠᠷ ᠤᠨ ᠬᠥᠮᠥᠰ ᠪᠤᠶᠤ ᠠᠶᠤᠯ ᠲᠠᠢ ᠭᠡᠷ ᠪᠠᠷᠢᠯᠭ᠎ᠠ ᠶᠢᠨ ᠰᠠᠭᠤᠭᠠᠯᠢ ᠠᠷᠠᠳ ᠢ ᠴᠢᠳᠠᠬᠤ ᠶᠢᠨ ᠲᠤᠳᠤᠷ᠎ᠠ ᠰᠠᠯᠬᠢ ᠬᠠᠯᠬᠠᠯᠠᠬᠤ ᠭᠠᠵᠠᠷ ᠲᠤ | ᠰᠢᠯᠵᠢᠬᠦᠯᠥᠨ ᠰᠠᠯᠬᠢᠨ ᠠᠴᠠ ᠵᠠᠶᠢᠯᠠᠭᠤᠯᠤᠨ᠎ᠠ᠃ | ④ ᠰᠠᠯᠬᠢ ᠬᠠᠯᠬᠠᠯᠠᠬᠤ ᠭᠠᠷᠠᠮ ᠳᠤ ᠪᠤᠴᠠᠬᠰᠠᠨ ᠤᠡᠭᠭᠤᠴᠠ ᠨᠤᠭᠤᠳ ᠤᠷᠴᠢᠨ ᠪᠠᠶᠢᠳᠠᠯ ᠢᠶᠠᠨ ᠥᠨᠳᠥᠰᠥᠯᠡᠨ᠂ ᠢᠳᠡᠪᠬᠢᠳᠡᠢ ᠠᠷᠭ᠎ᠠ ᠭᠡᠮᠵᠢᠶ᠎ᠡ ᠠᠪᠴᠤ | ᠂ ᠬᠥᠮᠥᠰ ᠥᠯᠡᠳᠡᠨ ᠰᠠᠬᠢᠬᠤ ᠪᠤᠶᠤ ᠠᠮᠤᠷ ᠲᠥᠪᠰᠢᠨ ᠭᠠᠵᠠᠷ ᠤᠷᠤᠨ ᠳᠤ ᠰᠢᠯᠵᠢᠬᠦ ᠶᠢ ᠵᠤᠬᠢᠮᠵᠢᠳᠠᠢ ᠲᠤᠬᠢᠷᠠᠭᠤᠯᠬᠤ ᠭᠡᠷᠡᠭᠳᠡᠢ᠃ | ᠰᠠᠨᠠᠭᠤᠯᠬᠤ ᠨᠢ᠄ | ① ᠬᠤᠯᠪᠤᠭᠳᠠᠯ ᠪᠥᠬᠦᠢ ᠰᠠᠯᠠᠭ᠎ᠠ ᠮᠥᠴᠢᠷ ᠪᠤᠯᠤᠨ ᠨᠢᠭᠡᠴᠢ ᠨᠦᠭᠦᠳ ᠤᠢ ᠰᠢᠭᠤᠢ᠂ ᠲᠡᠯ᠎ᠠ ᠨᠤᠳᠤᠭ ᠤᠨ ᠭᠠᠯ ᠲᠥᠢᠮᠡᠷ ᠠᠴᠠ ᠰᠡᠷᠭᠡᠶᠢᠯᠡᠬᠦ ᠠᠵᠢᠯ ᠢ | ᠰᠠᠶᠢᠳᠤᠷ ᠬᠢᠨ᠎ᠠ᠃ | ② ᠬᠥᠷᠢᠶ᠎ᠡ ᠬᠠᠰᠢᠶ᠎ᠠ᠂ ᠬᠠᠰᠢᠶ᠎ᠠ ᠰᠠᠷᠠᠪᠴᠢ᠂ ᠵᠠᠷ ᠤᠨ ᠫᠠᠶᠢᠰᠠ ᠵᠡᠷᠭᠡ ᠰᠠᠯᠬᠢᠨ ᠳᠤ ᠠᠮᠠᠷᠬᠠᠨ ᠥᠯᠢᠶᠡᠭᠳᠡᠨ ᠤᠨᠠᠬᠤ ᠪᠠᠷᠢᠯᠭ᠎ᠠ ᠶᠢ ᠪᠠᠬᠢᠯᠡᠬᠦ ᠪᠠᠨ | ᠠᠩᠬᠠᠷᠤᠨ᠎ᠠ᠃ | ③ ᠰᠠᠯᠬᠢᠯᠠᠵᠤ ᠪᠠᠶᠢᠭ᠎ᠠ ᠥᠶ᠎ᠡ ᠳᠤ ᠵᠠᠷ ᠤᠨ ᠫᠠᠶᠢᠰᠠ ᠪᠤᠶᠤ ᠲᠥᠷ ᠴᠠᠭ ᠤᠨ ᠪᠠᠷᠢᠯᠭ᠎ᠠ ᠶᠢᠨ ᠲᠤᠤᠷ᠎ᠠ ᠲᠠᠯᠳᠠᠯᠠᠨ ᠬᠤᠷᠭᠤᠳᠠᠵᠤ ᠪᠤᠯᠬᠤ ᠥᠭᠡᠢ᠃ | ④ ᠰᠠᠯᠬᠢ ᠬᠠᠯᠬᠠᠯᠠᠬᠤ ᠴᠢᠳᠠᠮᠵᠢ ᠪᠠᠷ ᠠᠨᠠᠢ ᠭᠡᠷ ᠪᠠᠷᠢᠯᠭ᠎ᠠ ᠲᠠᠢ ᠲᠤᠮᠳᠠᠳᠤ ᠪᠠᠭ᠎ᠠ ᠰᠤᠷᠭᠠᠭᠤᠯᠢ ᠪᠤᠯᠤᠨ ᠨᠢᠭᠡᠴᠢ ᠨᠦᠭᠦᠳ ᠬᠢᠴᠢᠶᠡᠯᠯᠡᠬᠦ ᠪᠠᠨ ᠵᠤᠭᠰᠤᠬᠤ | ᠪᠤᠶᠤ ᠠᠵᠢᠯᠯᠠᠬᠤ ᠪᠠᠨ ᠵᠤᠭᠰᠤᠨ᠎ᠠ᠃ | ⑤ ᠬᠥᠮᠥᠰ ᠭᠠᠳᠠᠭᠰᠢ ᠭᠠᠷᠬᠤ ᠪᠠᠨ ᠴᠦᠬᠡᠳᠭᠡᠨ᠎ᠡ᠃ | ︵5︶ ᠶᠡᠭᠡ ᠮᠠᠨᠠᠨ | ᠮᠠᠨᠠᠨ ᠭᠡᠳᠡᠭ ᠪᠤᠯ ᠭᠠᠵᠠᠷ ᠤᠨ ᠭᠠᠳᠠᠷᠭᠤ ᠶᠢᠨ ᠭᠡᠢ ᠠᠭᠠᠷ ᠲᠠᠬᠢ ᠶᠡᠭᠡ ᠭᠡᠮᠵᠢᠶᠡᠡ ᠤ ᠤᠰᠤᠨ ᠲᠤᠰᠤᠯ ᠪᠤᠶᠤ ᠵᠢᠵᠢᠭ ᠮᠥᠰᠥᠨ ᠲᠤᠰᠤᠯ ᠢᠶᠠᠷ | ᠪᠥᠷᠢᠯᠳᠥᠭᠰᠡᠨ ᠰᠥᠨ ᠴᠠᠭᠠᠨ ᠥᠡᠭᠭᠡᠳᠡᠢ ᠬᠥᠪᠥᠮᠡᠯ ᠴᠤᠭᠴᠠ ᠮᠥᠨ᠃ ᠤᠯᠠᠩᠬᠢ ᠳᠠᠭᠠᠨ ᠥᠷᠯᠥᠭᠡ ᠪᠤᠯᠤᠨ ᠤᠷᠤᠢ ᠪᠠᠷ ᠢᠯᠡᠷᠡᠳᠡᠭ᠃ ᠥᠵᠡᠭᠳᠡᠴᠡ ᠶᠢᠨ ᠬᠡᠮᠵᠢᠶ᠎ᠡ | ᠶᠢ ᠥᠨᠳᠥᠰᠥᠯᠡᠵᠤ᠂ ᠪᠠᠭ᠎ᠠ ᠮᠠᠨᠠᠨ᠂ ᠲᠤᠮᠳᠠ ᠮᠠᠨᠠᠨ᠂ ᠶᠡᠭᠡ ᠮᠠᠨᠠᠨ᠂ ᠥᠳᠭᠡᠨ ᠮᠠᠨᠠᠨ ᠪᠠ ᠭᠡᠳᠤ ᠥᠳᠭᠡᠨ ᠮᠠᠨᠠᠨ ᠭᠡᠵᠤ ᠬᠤᠪᠢᠶᠠᠳᠠᠭ ᠶᠤᠮ᠃ ᠶᠡᠭᠡ ᠮᠠᠨᠠᠨ ᠤ | ᠪᠠᠴᠢᠮ ᠪᠠᠶᠢᠳᠠᠯ ᠢ ᠠᠷᠭᠠᠴᠠᠬᠤ ᠳᠤ᠄ | ① ᠨᠢᠰᠭᠡᠯ ᠤᠨ ᠪᠠᠭᠤᠳᠠᠯ᠂ ᠲᠡᠭᠡᠳᠤ ᠬᠤᠷᠳᠤᠴᠠᠳᠤ ᠵᠠᠮ᠂ ᠬᠥᠯᠭᠡ ᠤᠡᠭᠭᠤᠴᠠᠨ ᠤ ᠭᠠᠷᠠᠮ ᠵᠡᠷᠭᠡ ᠨᠢᠭᠡᠴᠢ ᠨᠦᠭᠦᠳ ᠵᠠᠮ ᠬᠠᠷᠢᠯᠴᠠᠭᠠᠨ ᠤ | ᠬᠠᠮᠢᠶᠠᠷᠤᠯᠳᠠ ᠪᠠᠨ ᠴᠢᠩᠭᠠᠳᠬᠠᠵᠤ᠂ ᠠᠮᠤᠷ ᠲᠥᠪᠰᠢᠨ ᠢ ᠪᠠᠳᠤᠯᠠᠨ᠎ᠠ᠃ | ② ᠬᠤᠯᠪᠤᠭᠳᠠᠯ ᠪᠥᠬᠦᠢ ᠨᠢᠭᠡᠴᠢ ᠨᠦᠭᠦᠳ ᠨᠢ ᠠᠵᠢᠯ ᠲᠥᠷᠥᠯ ᠤᠨ ᠬᠢᠨ ᠤ ᠲᠤᠭᠳᠠᠭᠠᠯ ᠢ ᠥᠨᠳᠥᠰᠥᠯᠡᠨ᠂ ᠵᠤᠬᠢᠮᠵᠢᠳᠠᠢ ᠴᠠᠭ ᠲᠤ ᠵᠠᠮ ᠬᠠᠷᠢᠯᠴᠠᠭᠠᠨ ᠤ | ᠠᠮᠤᠷ ᠲᠥᠪᠰᠢᠨ ᠤ ᠵᠠᠬᠢᠷᠤᠨ ᠬᠠᠮᠢᠶᠠᠷᠬᠤ ᠠᠷᠭ᠎ᠠ ᠭᠡᠮᠵᠢᠶ᠎ᠡ ᠠᠪᠴᠤ᠂ ᠴᠢᠬᠤᠯᠠ ᠲᠠᠢ ᠥᠶ᠎ᠡ ᠳᠤ ᠲᠡᠭᠡᠳᠤ ᠬᠤᠷᠳᠤᠴᠠᠳᠤ ᠵᠠᠮ ᠢ ᠪᠢᠳᠡᠬᠦᠮᠵᠢᠯᠡᠨ᠂ ᠨᠢᠰᠭᠡᠯ ᠤᠨ | ᠨᠢᠰᠥᠯᠳᠡ ᠪᠠᠭᠤᠯᠳᠠ᠂ ᠬᠥᠯᠭᠡ ᠤᠡᠭᠭᠤᠴᠠ ᠶᠢᠨ ᠠᠶᠠᠯᠠᠯ ᠵᠡᠷᠭᠡ ᠶᠢ ᠲᠥᠷ ᠵᠤᠭᠰᠤᠭᠠᠨ᠎ᠠ᠃ | ③ ᠵᠢᠯᠤᠭᠤᠴᠢᠳ ᠮᠠᠨᠠᠨ ᠲᠠᠢ ᠡᠳᠥᠷ ᠤᠨ ᠠᠶᠠᠯᠠᠯ ᠤᠨ ᠲᠤᠭᠳᠠᠭᠠᠯ ᠢ ᠥᠨᠳᠥᠰᠥᠯᠡᠵᠤ᠂ ᠰᠡᠷᠭᠡᠶᠢᠯᠡᠬᠦ ᠠᠷᠭ᠎ᠠ ᠭᠡᠮᠵᠢᠶ᠎ᠡ ᠶᠢ ᠢᠳᠡᠪᠬᠢᠳᠡᠢ ᠠᠪᠴᠤ᠂ | ᠴᠢᠬᠤᠯᠠ ᠲᠠᠢ ᠥᠶ᠎ᠡ ᠳᠤ ᠠᠮᠤᠷ ᠲᠥᠪᠰᠢᠨ ᠵᠤᠭᠰᠤᠭᠠᠯ ᠤᠨ ᠭᠠᠵᠠᠷ ᠲᠤ ᠲᠥᠷᠭᠡᠨ ᠬᠥᠷᠴᠤ ᠵᠤᠭᠰᠤᠬᠤ ᠶᠢ ᠪᠠᠷᠢᠮᠳᠠᠯᠠᠭᠠᠷᠠᠢ᠃ | ᠰᠠᠨᠠᠭᠤᠯᠬᠤ ᠨᠢ᠄ | ① ᠬᠤᠯᠪᠤᠭᠳᠠᠯ ᠪᠥᠬᠦᠢ ᠰᠠᠯᠠᠭ᠎ᠠ ᠮᠥᠴᠢᠷ ᠪᠤᠯᠤᠨ ᠨᠢᠭᠡᠴᠢ ᠨᠦᠭᠦᠳ ᠡᠬᠦᠷᠭᠡ ᠬᠠᠷᠢᠭᠤᠴᠠᠯᠭ᠎ᠠ ᠪᠠᠷ ᠢᠶᠠᠨ ᠮᠠᠨᠠᠨ ᠠᠴᠠ ᠪᠠᠴᠢᠮ ᠠᠷᠭᠠᠴᠠᠬᠤ ᠠᠵᠢᠯ ᠢᠶᠠᠨ | ᠰᠠᠶᠢᠳᠤᠷ ᠬᠢᠬᠦ ᠭᠡᠷᠡᠭᠳᠡᠢ᠃ | ② ᠵᠢᠯᠤᠭᠤᠴᠢᠳ ᠮᠠᠨᠠᠨ ᠤ ᠬᠤᠪᠢᠷᠠᠯᠳᠠ ᠶᠢ ᠠᠩᠬᠠᠷᠴᠤ᠂ ᠲᠡᠷᠭᠡ ᠬᠥᠰᠭᠡ ᠪᠠᠨ ᠠᠯᠭᠤᠷ ᠵᠢᠯᠤᠭᠤᠳᠬᠤ ᠭᠡᠷᠡᠭᠳᠡᠢ᠃ | ③ ᠶᠡᠭᠡ ᠮᠠᠨᠠᠨ ᠲᠠᠢ ᠡᠳᠥᠷ ᠲᠤ ᠭᠠᠳᠠᠨ᠎ᠠ ᠭᠠᠷᠴᠤ ᠪᠡᠶ᠎ᠡ ᠪᠠᠨ ᠪᠤᠯᠪᠠᠰᠤᠷᠠᠵᠤ ᠪᠤᠯᠬᠤ ᠥᠭᠡᠢ᠃ ᠶᠡᠭᠡ ᠮᠠᠨᠠᠨ ᠲᠠᠢ ᠡᠳᠥᠷ ᠭᠠᠳᠠᠭᠰᠢ ᠭᠠᠷᠬᠤ ᠳᠠᠭᠠᠨ | ᠠᠮᠠᠪᠴᠢ ᠵᠡᠬᠦᠵᠤ᠂ ᠬᠥᠮᠥᠨ ᠤ ᠪᠡᠶ᠎ᠡ ᠮᠠᠬᠠᠪᠤᠳ ᠲᠤ ᠬᠤᠤᠷ ᠲᠠᠢ ᠭᠡᠢ ᠠᠭᠠᠷ ᠢ ᠠᠮᠢᠰᠬᠤᠬᠤ ᠠᠴᠠ ᠰᠡᠷᠭᠡᠶᠢᠯᠡᠨ᠎ᠡ᠃ | ︵6︶ ᠰᠢᠷᠥᠬᠦᠨ ᠪᠤᠷᠤᠭᠠᠨ | 24 ᠴᠠᠭ ᠤᠨ ᠲᠤᠳᠤᠷᠠᠬᠢ ᠪᠤᠷᠤᠭᠠᠨ ᠤ ᠤᠰᠤᠨ ᠤ ᠭᠡᠮᠵᠢᠶ᠎ᠡ ᠨᠢ 50mm ᠠᠴᠠ ᠶᠡᠭᠡ ᠪᠤᠶᠤ ᠲᠡᠩᠴᠡᠬᠦᠥ ᠪᠠᠶᠢᠵᠤ᠂ 100mm ᠠᠴᠠ ᠪᠠᠭ᠎ᠠ | ᠪᠠᠶᠢᠬᠤ ᠶᠢ ᠰᠢᠷᠥᠬᠦᠨ ᠪᠤᠷᠤᠭᠠᠨ ᠭᠡᠳᠡᠭ᠃ 100mm ᠠᠴᠠ ᠶᠡᠭᠡ ᠪᠤᠶᠤ ᠲᠡᠩᠴᠡᠬᠦᠥ ᠪᠠᠶᠢᠵᠤ᠂ 250mm ᠠᠴᠠ ᠪᠠᠭ᠎ᠠ ᠪᠠᠶᠢᠬᠤ ᠶᠢ ᠶᠡᠭᠡ ᠰᠢᠷᠥᠬᠦᠨ | ᠪᠤᠷᠤᠭᠠᠨ ᠭᠡᠳᠡᠭ᠃ 250mm ᠠᠴᠠ ᠶᠡᠭᠡ ᠪᠤᠶᠤ ᠲᠡᠩᠴᠡᠬᠦᠥ ᠪᠠᠶᠢᠬᠤ ᠶᠢ ᠤᠨᠴᠠ ᠶᠡᠭᠡ ᠰᠢᠷᠥᠬᠦᠨ ᠪᠤᠷᠤᠭᠠᠨ ᠭᠡᠳᠡᠭ᠃ ᠰᠢᠷᠥᠬᠦᠨ ᠪᠤᠷᠤᠭᠠᠨ ᠤ ᠪᠠᠴᠢᠮ | ᠪᠠᠶᠢᠳᠠᠯ ᠢ ᠠᠷᠭᠠᠴᠠᠬᠤ ᠳᠤ᠄ | ① ᠭᠡᠷ ᠤᠨ ᠭᠠᠳᠠᠨᠠᠬᠢ ᠨᠠᠮ ᠲᠤᠤᠷ᠎ᠠ | ᠭᠠᠵᠠᠷ ᠲᠠᠬᠢ ᠠᠶᠤᠯ ᠲᠠᠢ ᠪᠠᠶᠢᠬᠤ ᠴᠠᠬᠢᠯᠭᠠᠨ ᠤᠳᠠᠰᠤ ᠶᠢ ᠲᠠᠰᠤᠯᠵᠤ᠂ ᠭᠡᠷ ᠤᠨ ᠭᠠᠳᠠᠨᠠᠬᠢ ᠠᠵᠢᠯᠯᠠᠭ᠎ᠠ ᠶᠢ ᠲᠥᠷ ᠵᠤᠭᠰᠤᠭᠠᠵᠤ᠂ ᠠᠶᠤᠯ ᠲᠠᠢ ᠭᠠᠵᠠᠷ | ᠤᠨ ᠬᠥᠮᠥᠰ ᠬᠢᠭᠡᠳ ᠠᠶᠤᠯ ᠲᠠᠢ ᠭᠡᠷ ᠪᠠᠷᠢᠯᠭ᠎ᠠ ᠳᠠᠬᠢ ᠰᠠᠭᠤᠭᠠᠯᠢ ᠠᠷᠠᠳ ᠢ ᠠᠮᠤᠷ ᠲᠥᠪᠰᠢᠨ ᠭᠠᠵᠠᠷ ᠲᠠᠯᠠᠪᠠᠢ ᠳᠤ ᠰᠢᠯᠵᠢᠬᠦᠯᠥᠨ ᠪᠤᠷᠤᠭᠠᠨ ᠠᠴᠠ | ᠲᠠᠯᠳᠠᠯᠠᠭᠤᠯᠤᠨᠠ᠃ | ② ᠠᠶᠤᠯ ᠲᠠᠢ ᠭᠠᠵᠠᠷ ᠤᠷᠤᠨ ᠳᠠᠬᠢ ᠰᠤᠷᠭᠠᠭᠤᠯᠢ ᠪᠤᠯᠤᠨ ᠨᠢᠭᠡᠴᠢ ᠨᠦᠭᠦᠳ ᠬᠢᠴᠢᠶᠡᠯᠯᠡᠬᠦ ᠪᠠ ᠠᠵᠢᠯᠯᠠᠬᠤ ᠪᠠᠨ ᠵᠤᠭᠰᠤᠭᠠᠵᠤ᠂ ᠨᠢᠭᠡᠨᠳᠡ ᠰᠤᠷᠭᠠᠭᠤᠯᠢ | ᠪᠤᠯᠤᠨ ᠭᠡᠥᠭᠡᠳ ᠤᠨ ᠴᠡᠴᠡᠷᠯᠢᠭ ᠲᠡᠭᠡᠨ ᠤᠴᠢᠭᠰᠠᠨ ᠰᠤᠷᠤᠭᠴᠢ ᠪᠤᠶᠤ ᠠᠵᠢᠯ ᠳᠠᠭᠠᠨ ᠭᠠᠷᠤᠭᠰᠠᠨ ᠪᠤᠰᠤᠳ ᠬᠥᠮᠥᠰ ᠤᠨ ᠠᠮᠤᠷ ᠲᠥᠪᠰᠢᠨ ᠢ ᠲᠤᠰᠬᠠᠢ ᠠᠷᠭ᠎ᠠ | ᠭᠡᠮᠵᠢᠶ᠎ᠡ ᠠᠪᠴᠤ ᠬᠠᠮᠠᠭᠠᠯᠠᠨ᠎ᠠ᠃ | ③ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠠᠭ᠎ᠠ ᠮᠥᠴᠢᠷ ᠤᠳ ᠵᠠᠮ ᠤᠨ ᠪᠠᠶᠢᠳᠠᠯ ᠢᠶᠠᠨ ᠥᠨᠳᠥᠰᠥᠯᠡᠵᠤ᠂ ᠰᠢᠷᠥᠬᠦᠨ ᠪᠤᠷᠤᠭᠠᠨ ᠤᠷᠤᠵᠤ | ᠪᠠᠶᠢᠭ᠎ᠠ ᠵᠠᠮ ᠤᠨ ᠭᠡᠰᠡᠭ ᠲᠤ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠬᠤ ᠠᠷᠭ᠎ᠠ ᠭᠡᠮᠵᠢᠶ᠎ᠡ ᠶᠢ ᠠᠪᠴᠤ᠂ ᠤᠰᠦ ᠲᠤᠨᠵᠦ ᠬᠤᠷᠠᠭᠰᠠᠨ ᠵᠠᠮ ᠤᠨ ᠭᠡᠰᠡᠭ ᠲᠠᠬᠢ ᠵᠠᠮ | ᠬᠠᠷᠢᠯᠴᠠᠭ᠎ᠠ ᠶᠢ ᠵᠢᠯᠤᠭᠤᠳᠤᠨ ᠲᠠᠭᠠᠭᠤᠯᠤᠨ᠎ᠠ᠃ | ᠰᠠᠨᠠᠭᠤᠯᠬᠤ ᠨᠢ᠄ | ① ᠵᠠᠰᠠᠭ ᠤᠨ ᠤᠷᠳᠤᠨ ᠬᠢᠭᠡᠳ ᠬᠤᠯᠪᠤᠭᠳᠠᠯ ᠪᠥᠬᠦᠢ ᠰᠠᠯᠠᠭ᠎ᠠ ᠮᠥᠴᠢᠷ ᠤᠳ ᠡᠬᠦᠷᠭᠡ ᠬᠠᠷᠢᠭᠤᠴᠠᠯᠭ᠎ᠠ ᠪᠠᠷ ᠢᠶᠠᠨ ᠰᠢᠷᠥᠬᠦᠨ ᠪᠤᠷᠤᠭᠠᠨ ᠠᠴᠠ ᠪᠠᠴᠢᠮ | ᠠᠷᠭᠠᠴᠠᠬᠤ ᠪᠠ ᠠᠶᠤᠯ ᠠᠴᠠ ᠠᠪᠤᠷᠠᠬᠤ ᠠᠵᠢᠯ ᠢᠶᠠᠨ ᠰᠠᠶᠢᠳᠤᠷ ᠬᠢᠨ᠎ᠠ᠃ | ② ᠬᠤᠳᠠ᠂ ᠲᠡᠷᠢᠶᠠᠨ ᠭᠠᠵᠠᠷ᠂ ᠵᠢᠭᠠᠰᠤᠨ ᠲᠠᠯᠠᠪᠠᠢ ᠶᠢᠨ ᠤᠰᠤ ᠵᠠᠯᠠᠬᠤ ᠰᠢᠰᠲ᠋ᠧᠮ ᠢ ᠪᠠᠶᠢᠴᠠᠭᠠᠵᠤ᠂ ᠤᠰᠤᠳᠤᠯ ᠢ ᠵᠠᠯᠠᠬᠤ ᠴᠢᠬᠤᠯᠠ ᠪᠥᠬᠦᠢ ᠠᠷᠭ᠎ᠠ | ᠭᠡᠮᠵᠢᠶ᠎ᠡ ᠨᠦᠭᠦᠳ ᠢ ᠠᠪᠴᠤ ᠪᠤᠯᠤᠨ᠎ᠠ᠃ | ③ ᠡᠬᠦᠰᠴᠤ ᠮᠡᠳᠡᠬᠦ ᠠᠭᠤᠯᠠᠨ ᠥᠶᠡᠷ᠂ ᠠᠭᠤᠯᠨ ᠶᠡᠬᠦᠷᠡᠬᠦ᠂ ᠰᠢᠪᠡᠷ ᠴᠢᠯᠠᠭᠤᠨ ᠤ ᠤᠷᠤᠰᠬᠠᠯ ᠵᠡᠷᠭᠡ ᠭᠠᠮᠰᠢᠬ ᠢ ᠠᠩᠬᠠᠷᠤᠨ ᠰᠡᠷᠭᠡᠶᠢᠯᠡᠨ᠎ᠡ᠃ | ︵7︶ ᠡᠯᠡᠰᠥᠨ ᠰᠢᠭᠤᠷᠭ᠎ᠠ | ᠡᠯᠡᠰᠥᠨ ᠰᠢᠭᠤᠷᠭ᠎ᠠ ᠭᠡᠳᠡᠭ ᠪᠤᠯ ᠭᠠᠩ ᠬᠠᠭᠤᠷᠠᠢ ᠭᠠᠵᠠᠷ ᠤᠷᠤᠨ ᠳᠤ ᠥᠷᠬᠦᠯᠵᠢ ᠢᠯᠡᠷᠡᠳᠡᠭ ᠨᠢᠭᠡ ᠵᠥᠢᠯ ᠤᠨ ᠪᠠᠶᠢᠭᠠᠯᠢ ᠶᠢᠨ ᠥᠵᠡᠭᠳᠡᠯ ᠮᠥᠨ᠃ | ᠭᠤᠤᠯᠳᠠᠭᠤ ᠠᠭᠤᠷ ᠠᠮᠢᠰᠬᠤᠯ ᠵᠢᠴᠢ ᠭᠠᠩ ᠬᠠᠭᠤᠷᠠᠢ ᠤᠷᠴᠢᠨ ᠲᠤᠭᠤᠷᠢᠨ ᠤ ᠪᠠᠶᠢᠳᠠᠯ ᠤᠨ ᠨᠥᠯᠥᠭᠡᠯᠡᠯ ᠢ ᠬᠥᠷᠳᠡᠵᠤ᠂ ᠬᠥᠮᠥᠨ ᠲᠥᠷᠥᠯᠬᠢᠳᠡᠨ ᠤ ᠠᠵᠢᠯᠯᠠᠭ᠎ᠠ ᠨᠢ | ᠮᠥᠨ ᠴᠤ ᠡᠯᠡᠰᠥᠨ ᠰᠢᠭᠤᠷᠭ᠎ᠠ ᠲᠠᠢ ᠨᠢᠭᠳᠠ ᠬᠠᠷᠢᠴᠠᠭ᠎ᠠ ᠲᠠᠢ ᠪᠠᠶᠢᠳᠠᠭ᠃ ᠮᠠᠨ ᠤ ᠤᠯᠤᠰ ᠤᠨ ᠴᠠᠭ ᠠᠭᠤᠷ ᠤᠨ ᠰᠠᠯᠠᠭ᠎ᠠ ᠮᠥᠴᠢᠷ ᠤᠨ ᠲᠤᠭᠳᠠᠭᠠᠯ ᠢ | ᠥᠨᠳᠥᠰᠥᠯᠡᠪᠡᠯ᠂ ᠡᠯᠡᠰᠥ ᠲᠤᠭᠤᠰᠤ ᠰᠢᠭᠤᠷᠭᠠᠯᠠᠬᠤ ᠶᠢ ᠲᠤᠭᠤᠰᠤ ᠲᠡᠭᠳᠡᠬᠦ᠂ ᠡᠯᠡᠰᠥ ᠭᠡᠶᠢᠰᠬᠦ᠂ ᠡᠯᠡᠰᠥᠨ ᠰᠢᠭᠤᠷᠭ᠎ᠠ᠂ ᠰᠢᠷᠥᠬᠦᠨ ᠡᠯᠡᠰᠥᠨ ᠰᠢᠭᠤᠷᠭ᠎ᠠ ᠬᠢᠭᠡᠳ | ᠤᠨᠴᠠ ᠶᠡᠭᠡ ᠡᠯᠡᠰᠥᠨ ᠰᠢᠭᠤᠷᠭ᠎ᠠ ᠭᠡᠵᠤ ᠬᠤᠪᠢᠶᠠᠳᠠᠭ᠃ ᠡᠯᠡᠰᠥᠨ ᠰᠢᠭᠤᠷᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠳᠤ᠄ | ① ᠡᠯᠡᠰᠥᠨ ᠰᠢᠭᠤᠷᠭ᠎ᠠ ᠶᠢᠨ ᠤᠷᠢᠳᠴᠢᠯᠠᠭᠰᠠᠨ ᠮᠡᠳᠡᠭᠡ ᠶᠢ ᠤᠯᠤᠭᠰᠠᠨ ᠤ ᠲᠠᠷᠠᠭ᠎ᠠ᠂ ᠠᠷᠭ᠎ᠠ ᠭᠡᠮᠵᠢᠶ᠎ᠡ ᠠᠪᠴᠤ ᠪᠠᠶᠢᠭᠠᠳ ᠲᠤᠯᠠᠭᠠᠨ ᠬᠥᠯᠡᠮᠵᠢ ᠪᠠᠨ | ᠪᠠᠬᠢᠯᠡᠵᠤ᠂ ᠬᠤᠬᠢᠷᠠᠯ ᠡᠪᠳᠡᠯᠡᠭᠡ ᠶᠢ ᠪᠠᠭᠠᠰᠬᠠᠬᠤ ᠭᠡᠷᠡᠭᠳᠡᠢ᠃ ᠮᠠᠯᠴᠢᠳ ᠮᠠᠯ ᠢᠶᠠᠨ ᠬᠥᠷᠢᠶ᠎ᠡ ᠬᠠᠰᠢᠶᠠᠨ ᠳᠠᠭᠠᠨ ᠲᠠᠷᠦ᠋ᠢᠬᠠᠨ ᠬᠤᠷᠢᠵᠤ᠂ ᠤᠷᠤᠭᠤᠳᠠᠵᠤ ᠶᠠᠪᠤᠬᠤ | ᠠᠴᠠ ᠰᠡᠷᠭᠡᠶᠢᠯᠡᠬᠦ ᠭᠡᠷᠡᠭᠳᠡᠢ᠃ ᠭᠡᠷᠪᠡ ᠮᠠᠯ ᠰᠥᠷᠥᠭ ᠨᠢ ᠭᠡᠷ ᠡᠷᠥᠭᠡ ᠠᠴᠠ ᠪᠠᠨ ᠬᠤᠯᠠ ᠪᠠᠶᠢᠪᠠᠯ᠂ ᠤᠢᠢᠷᠠᠯᠴᠠᠭ᠎ᠠ ᠪᠠᠶᠢᠭ᠎ᠠ ᠰᠠᠯᠬᠢ ᠬᠠᠯᠬᠠᠯᠠᠬᠤ ᠭᠠᠵᠠᠷ ᠲᠤ | ᠥᠳᠳᠡᠷ ᠲᠥᠷᠭᠡᠨ ᠤᠷᠤᠭᠤᠯᠤᠨ᠎ᠠ᠃ | ② ᠪᠠᠷᠢᠯᠭ᠎ᠠ ᠶᠢᠨ ᠭᠠᠵᠠᠷ ᠲᠠᠬᠢ ᠰᠠᠯᠬᠢᠨ ᠳᠤ ᠠᠮᠠᠷᠬᠠᠨ ᠭᠡᠶᠢᠰᠳᠡᠭ ᠪᠠᠷᠢᠯᠭ᠎ᠠ ᠶᠢᠨ ᠮᠠᠲ᠋ᠧᠷᠢᠶᠠᠯ ᠪᠤᠶᠤ ᠬᠠᠶᠠᠭᠳᠠᠮᠠᠯ ᠪᠤᠳᠠᠰ ᠢᠶᠠᠨ ᠰᠠᠶᠢᠳᠤᠷ ᠲᠠᠷᠤᠵᠤ | ᠲᠠᠯᠪᠢᠨ᠎ᠠ᠃ | ③ ᠡᠯᠡᠰᠥᠨ ᠰᠢᠭᠤᠷᠭ᠎ᠠ ᠲᠠᠢ ᠡᠳᠥᠷ ᠤᠨ ᠠᠭᠤᠷ ᠠᠮᠢᠰᠬᠤᠯ ᠨᠢ ᠭᠠᠩ ᠬᠠᠭᠤᠷᠠᠢ᠂ ᠲᠦᠢᠮᠡᠷ ᠠᠮᠠᠷᠬᠠᠨ ᠡᠬᠦᠰᠳᠡᠭ ᠲᠤᠯᠠ ᠴᠠᠬᠢᠯᠭᠠᠨ ᠢ ᠠᠩᠬᠠᠷᠤᠨ | ᠬᠠᠮᠢᠶᠠᠷᠴᠤ᠂ ᠭᠠᠯ ᠤᠨ ᠠᠶᠤᠯ ᠡᠬᠦᠰᠬᠦ ᠠᠴᠠ ᠰᠡᠷᠭᠡᠶᠢᠯᠡᠨ᠎ᠡ᠃ | ④ ᠶᠠᠪᠤᠭᠤᠯ ᠤᠨ ᠬᠥᠮᠥᠰ ᠥᠨᠳᠥᠷ ᠪᠠᠷᠢᠯᠭ᠎ᠠ᠂ ᠪᠠᠷᠢᠯᠭ᠎ᠠ ᠶᠢᠨ ᠭᠠᠵᠠᠷ᠂ ᠵᠠᠷ ᠤᠨ ᠫᠠᠶᠢᠰᠠ᠂ ᠬᠥᠭᠰᠢᠷᠡᠭᠰᠡᠨ ᠮᠤᠳᠤ ᠵᠡᠷᠭᠡ ᠠᠴᠠ ᠬᠤᠯᠠ ᠵᠠᠶᠢᠯᠠᠵᠤ᠂ | ᠲᠡᠭᠡᠷ᠎ᠡ ᠠᠴᠠ ᠤᠨᠠᠵᠤ ᠢᠷᠡᠭᠰᠡᠨ ᠶᠠᠭᠤᠮᠠᠨ ᠳᠤ ᠴᠤᠬᠢᠭᠳᠠᠬᠤ ᠠᠴᠠ ᠰᠡᠷᠭᠡᠶᠢᠯᠡᠬᠦ ᠭᠡᠷᠡᠭᠳᠡᠢ᠃ ᠤᠰᠤᠨ ᠰᠤᠪᠠᠭ᠂ ᠤᠰᠤᠨ ᠴᠥᠬᠦᠷᠥᠮ ᠠᠴᠠ ᠵᠠᠶᠢᠳᠠᠭᠤ ᠪᠠᠶᠢᠵᠤ᠂ | ᠤᠰᠤᠨ ᠳᠤ ᠤᠨᠠᠬᠤ ᠠᠴᠠ ᠰᠡᠷᠭᠡᠶᠢᠯᠡᠵᠤ ᠪᠤᠯᠤᠨ᠎ᠠ᠃ | ⑤ ᠰᠤᠷᠭᠠᠭᠤᠯᠢ ᠨᠤᠭᠤᠳ ᠰᠤᠷᠤᠭᠴᠢ ᠪᠠᠨ ᠭᠠᠳᠠᠭᠰᠢ ᠭᠠᠷᠭᠠᠬᠤ ᠥᠭᠡᠢ ᠪᠠᠶᠢᠵᠤ᠂ ᠡᠯᠡᠰᠥᠨ ᠰᠢᠭᠤᠷᠭ᠎ᠠ ᠥᠡᠭᠭᠡᠷᠡᠭᠰᠡᠨ ᠤ ᠲᠠᠷᠠᠭ᠎ᠠ ᠰᠠᠶ᠋ᠢ ᠰᠤᠷᠭᠠᠭᠤᠯᠢ | ᠠᠴᠠ ᠪᠠᠨ ᠭᠠᠷᠭᠠᠬᠤ ᠭᠡᠷᠡᠭᠳᠡᠢ᠃ ᠲᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠭᠡᠷᠪᠡ ᠰᠤᠷᠭᠠᠭᠤᠯᠢ ᠠᠴᠠ ᠪᠠᠨ ᠭᠠᠷᠴᠤ ᠭᠡᠷ ᠲᠡᠭᠡᠨ ᠬᠠᠷᠢᠬᠤ ᠵᠠᠮ ᠳᠠᠭᠠᠨ | ᠡᠯᠡᠰᠥᠨ ᠰᠢᠭᠤᠷᠭ᠎ᠠ ᠳᠤ ᠲᠤᠬᠢᠶᠠᠯᠳᠤᠪᠠᠯ ᠰᠠᠯᠬᠢ ᠬᠠᠯᠬᠠᠯᠠᠬᠤ ᠠᠮᠤᠷ ᠲᠥᠪᠰᠢᠨ ᠭᠠᠵᠠᠷ ᠲᠤ ᠬᠤᠷᠭᠤᠳᠠᠵᠤ᠂ ᠥᠨᠳᠥᠷ ᠬᠥᠴᠥᠳᠡᠯᠳᠤ ᠴᠠᠬᠢᠯᠭᠠᠨ ᠤᠳᠠᠰᠤ ᠠᠴᠠ | ᠬᠤᠯᠠ ᠪᠠᠶᠢᠬᠤ ᠭᠡᠷᠡᠭᠳᠡᠢ᠃ | ⑥ ᠰᠠᠭᠤᠭᠠᠯᠢ ᠠᠷᠠᠳ ᠴᠢᠳᠠᠬᠤ ᠶᠢᠨ ᠲᠤᠳᠤᠷ᠎ᠠ ᠭᠠᠳᠠᠭᠰᠢ ᠪᠠᠭ᠎ᠠ ᠭᠠᠷᠴᠤ᠂ ᠭᠠᠳᠠᠭᠰᠢ ᠭᠠᠷᠬᠤ ᠭᠡᠪᠡᠯ ᠠᠮᠠᠪᠴᠢ ᠵᠡᠬᠦᠬᠦ ᠪᠤᠶᠤ ᠱᠠ ᠪᠥᠰ ᠢᠶᠠᠷ | ᠲᠤᠯᠤᠭᠠᠢ ᠪᠠᠨ ᠤᠷᠢᠶᠠᠵᠤ᠂ ᠡᠯᠡᠰᠤ ᠰᠢᠷᠤᠢ ᠠᠮᠠᠨ ᠬᠥᠨᠳᠡᠢ ᠪᠤᠯᠤᠨ ᠨᠢᠳᠤᠨ ᠳᠤ ᠤᠷᠤᠵᠤ ᠰᠢᠷᠬᠠᠳᠤᠭᠤᠯᠬᠤ ᠠᠴᠠ ᠰᠡᠷᠭᠡᠶᠢᠯᠡᠨ᠎ᠡ᠃ | ⑦ ᠲᠤᠭᠤᠢ ᠲᠡᠷᠭᠡ ᠤᠨᠤᠭᠰᠠᠳ ᠠᠯᠭᠤᠷ ᠶᠠᠪᠤᠵᠤ᠂ ᠰᠠᠯᠬᠢ ᠶᠡᠭᠡ ᠪᠤᠯᠬᠤ ᠪᠤᠶᠤ ᠬᠠᠷᠠᠭᠳᠠᠬᠤ ᠭᠡᠮᠵᠢᠶ᠎ᠡ ᠮᠠᠭᠤ ᠪᠤᠯᠬᠤ ᠥᠶ᠎ᠡ ᠳᠤ ᠲᠤᠭᠤᠢ ᠲᠡᠷᠭᠡᠨ ᠠᠴᠠ | ᠪᠠᠨ ᠪᠠᠭᠤᠵᠤ ᠵᠠᠮ ᠤᠨ ᠬᠠᠵᠠᠭᠤ ᠪᠠᠷ ᠲᠥᠯᠬᠢᠵᠤ ᠶᠠᠪᠤᠪᠠᠯ ᠵᠤᠬᠢᠨ᠎ᠠ᠃ | ⑧ ᠡᠯᠡᠰᠥᠨ ᠰᠢᠭᠤᠷᠭ᠎ᠠ ᠡᠬᠦᠰᠥᠭᠰᠡᠨ ᠥᠶ᠎ᠡ ᠳᠤ ᠥᠨᠳᠥᠷ ᠲᠡᠭᠡᠷᠡᠬᠢ ᠪᠤᠶᠤ ᠤᠰᠤᠨ ᠲᠡᠭᠡᠷᠡᠬᠢ ᠠᠶᠤᠯ ᠲᠠᠢ ᠠᠵᠢᠯ ᠪᠥᠬᠦᠨ ᠢ ᠵᠤᠭᠰᠤᠭᠠᠨ᠎ᠠ᠃ | ᠰᠠᠨᠠᠭᠤᠯᠬᠤ ᠨᠢ᠄ | ① ᠡᠯᠡᠰᠥᠨ ᠰᠢᠭᠤᠷᠭ᠎ᠠ ᠲᠠᠢ ᠡᠳᠥᠷ ᠤᠨ ᠠᠭᠤᠷ ᠠᠮᠢᠰᠬᠤᠯ ᠨᠢ ᠭᠠᠩ ᠬᠠᠭᠤᠷᠠᠢ ᠲᠤᠯᠠ ᠤᠰᠤ ᠠᠷᠪᠢᠨ ᠤᠤᠭᠤᠵᠤ᠂ ᠵᠢᠮᠢᠰ ᠠᠷᠪᠢᠨ ᠢᠳᠡᠬᠦ ᠭᠡᠷᠡᠭᠳᠡᠢ᠃ | ᠡᠯᠡᠰᠥᠨ ᠰᠢᠭᠤᠷᠭ᠎ᠠ ᠥᠡᠭᠭᠡᠷᠡᠭᠰᠡᠨ ᠤ ᠲᠠᠷᠠᠭ᠎ᠠ ᠠᠮᠢᠰᠬᠤᠯ ᠤᠨ ᠡᠷᠭᠡᠳᠡᠨ ᠨᠢ ᠡᠪ ᠥᠭᠡᠢ ᠪᠠᠶᠢᠪᠠᠯ ᠲᠡᠷᠦ᠋ᠢᠬᠠᠨ ᠡᠮᠨᠡᠯᠭᠡ ᠳᠤ ᠬᠥᠷᠴᠤ ᠥᠵᠡᠬᠦᠯᠬᠦ ᠭᠡᠷᠡᠭᠳᠡᠢ᠃ | ② ᠡᠯᠡᠰᠥᠨ ᠰᠢᠭᠤᠷᠭ᠎ᠠ ᠲᠠᠢ ᠡᠳᠥᠷ ᠤᠨ ᠬᠠᠷᠠᠭᠳᠠᠬᠤ ᠭᠡᠮᠵᠢᠶ᠎ᠡ ᠠᠨᠠᠢ ᠪᠠᠶᠢᠳᠠᠭ ᠲᠤᠯᠠ ᠲᠡᠷᠭᠡ ᠵᠢᠯᠤᠭᠤᠳᠬᠤ ᠳᠠᠭᠠᠨ ᠡᠷᠭᠡᠪᠰᠢ ᠬᠤᠯᠠ ᠲᠤᠰᠬᠤ ᠳ᠋ᠧᠩ᠂ | ᠮᠠᠨᠠᠨ ᠤ ᠳ᠋ᠧᠩ ᠢᠶᠠᠨ ᠨᠤᠴᠤᠭᠠᠨ᠎ᠠ᠃ | ③ ᠡᠯᠡᠰᠥᠨ ᠰᠢᠭᠤᠷᠭ᠎ᠠ ᠲᠠᠢ ᠡᠳᠥᠷ ᠤᠨ ᠰᠠᠯᠬᠢᠨ ᠤ ᠬᠥᠴᠥᠨ ᠭᠡᠳᠤ ᠶᠡᠭᠡ ᠪᠤᠶᠤ ᠬᠠᠷᠠᠭᠳᠠᠬᠤ ᠭᠡᠮᠵᠢᠶ᠎ᠡ ᠨᠢ ᠲᠤᠭᠳᠠᠭᠠᠭᠰᠠᠨ ᠪᠠᠷᠢᠮᠵᠢᠶ᠎ᠠ ᠠᠴᠠ ᠲᠤᠤᠷ᠎ᠠ | ᠪᠤᠯᠬᠤ ᠥᠶ᠎ᠡ ᠳᠤ᠂ ᠲᠡᠭᠡᠳᠤ ᠬᠤᠷᠳᠤᠴᠠᠳᠤ ᠵᠠᠮ ᠤᠨ ᠬᠠᠮᠢᠶᠠᠷᠤᠯᠳᠠ ᠶᠢᠨ ᠰᠠᠯᠠᠭ᠎ᠠ ᠮᠥᠴᠢᠷ ᠤᠳ ᠲᠡᠷᠡ ᠲᠠᠷᠤᠢ ᠳᠤᠨᠢ ᠵᠠᠮ ᠢ ᠪᠢᠳᠡᠬᠦᠮᠵᠢᠯᠡᠵᠤ᠂ ᠵᠠᠮ ᠬᠠᠷᠢᠯᠴᠠᠭᠠᠨ | ᠤ ᠠᠳᠡᠯ ᠡᠬᠦᠰᠬᠦ ᠠᠴᠠ ᠰᠡᠷᠭᠡᠶᠢᠯᠡᠨ᠎ᠡ᠃ | ④ ᠡᠯᠡᠰᠥᠨ ᠰᠢᠭᠤᠷᠭ᠎ᠠ ᠲᠠᠢ ᠡᠳᠥᠷ ᠤᠨ ᠵᠠᠮ ᠲᠡᠭᠡᠷ᠎ᠡ ᠲᠤᠭᠤᠰᠤ ᠪᠥᠷᠬᠦᠳᠡᠭ ᠲᠤᠯᠠ ᠬᠤᠳᠠ ᠶᠢᠨ ᠶᠠᠪᠤᠳᠠᠯ ᠤᠨ ᠤᠷᠴᠢᠨ ᠲᠤᠭᠤᠷᠢᠨ ᠢ ᠬᠠᠮᠠᠭᠠᠯᠠᠬᠤ | ᠰᠠᠯᠠᠭ᠎ᠠ ᠮᠥᠴᠢᠷ ᠤᠳ ᠲᠡᠷᠤᠢ ᠳᠤᠨᠢ ᠤᠰᠤ ᠰᠠᠴᠤᠵᠤ᠂ ᠲᠤᠭᠤᠰᠤ ᠲᠡᠭᠳᠡᠬᠦ ᠠᠴᠠ ᠰᠡᠷᠭᠡᠶᠢᠯᠡᠯᠳᠡ ᠬᠢᠨ᠎ᠠ᠃ | ⑤ ᠭᠠᠯᠳᠤ ᠲᠡᠷᠭᠡ ᠨᠢ ᠵᠠᠮ ᠳᠠᠭᠠᠨ ᠡᠯᠡᠰᠥᠨ ᠰᠢᠭᠤᠷᠭ᠎ᠠ ᠲᠠᠢ ᠲᠤᠬᠢᠶᠠᠯᠳᠤᠪᠠᠯ ᠬᠤᠷᠳᠤᠴᠠ ᠪᠠᠨ ᠬᠠᠰᠤᠵᠤ ᠶᠠᠪᠤᠬᠤ ᠭᠡᠷᠡᠭᠳᠡᠢ᠃ ᠰᠠᠯᠬᠢ ᠨᠡᠯᠢᠶᠡᠳ ᠶᠡᠭᠡ | ᠪᠤᠶᠤ ᠬᠠᠷᠠᠭᠳᠠᠬᠤ ᠭᠡᠮᠵᠢᠶ᠎ᠡ ᠮᠠᠭᠤᠳᠠᠵᠤ ᠠᠶᠠᠯᠠᠬᠤ ᠶᠢᠨ ᠠᠷᠭ᠎ᠠ ᠥᠭᠡᠢ ᠪᠤᠯᠬᠤ ᠳᠤ ᠥᠷᠳᠡᠭᠡᠨ ᠳᠤ ᠵᠤᠭᠰᠤᠵᠤ ᠰᠠᠯᠬᠢ ᠬᠠᠯᠬᠠᠯᠠᠵᠤ᠂ ᠡᠯᠡᠰᠥᠨ ᠰᠢᠭᠤᠷᠭ᠎ᠠ | ᠥᠡᠭᠭᠡᠷᠡᠭᠰᠡᠨ ᠤ ᠲᠡᠷᠠᠭ᠎ᠠ ᠥᠷᠬᠦᠯᠵᠢᠯᠡᠨ ᠠᠶᠠᠯᠠᠯ ᠬᠢᠨ᠎ᠠ᠃ | ⑥ ᠴᠤᠩᠬᠤ ᠡᠬᠦᠳᠡ ᠪᠠᠨ ᠲᠡᠷᠤᠢ ᠲᠥᠷᠭᠡᠨ ᠬᠠᠭᠠᠵᠤ᠂ ᠭᠡᠷ ᠲᠤ ᠡᠯᠡᠰᠤ ᠲᠤᠭᠤᠰᠤ ᠤᠷᠤᠬᠤ ᠶᠢ ᠰᠡᠷᠭᠡᠶᠢᠯᠡᠬᠦ ᠭᠡᠷᠡᠭᠳᠡᠢ᠃ ᠭᠡᠷ ᠲᠡᠭᠡᠨ ᠴᠢᠬᠢᠭ ᠤᠨ | ᠮᠠᠰᠢᠨ ᠭᠡᠷᠡᠭᠯᠡᠬᠦ ᠪᠤᠶᠤ ᠤᠰᠤ ᠰᠠᠴᠤᠵᠤ᠂ ᠨᠦᠢᠳᠠᠨ ᠵᠥᠯᠬᠦᠬᠦᠷ ᠢᠶᠠᠷ ᠱᠠᠯᠠ ᠪᠠᠨ ᠵᠥᠯᠬᠦᠬᠦ ᠵᠡᠷᠭᠡ ᠠᠷᠭ᠎ᠠ ᠪᠠᠷ ᠲᠤᠭᠤᠰᠤ ᠶᠢ ᠴᠡᠪᠡᠷᠯᠡᠵᠤ᠂ ᠭᠡᠷ ᠤᠨ ᠲᠤᠳᠤᠷᠠᠬᠢ | ᠠᠭᠠᠷ ᠤᠨ ᠴᠢᠬᠢᠭ ᠤᠨ ᠭᠡᠮᠵᠢᠶ᠎ᠡ ᠶᠢ ᠲᠤᠬᠢᠷᠠᠭᠤᠯᠤᠨ᠂ ᠲᠤᠭᠤᠰᠤ ᠰᠤᠷᠤᠵᠤ ᠤᠷᠤᠭᠤᠯᠬᠤ ᠠᠴᠠ ᠰᠡᠷᠭᠡᠶᠢᠯᠡᠬᠦ ᠭᠡᠷᠡᠭᠳᠡᠢ᠃ | ︵8︶ ᠠᠶᠤᠩᠭ᠎ᠠ | ᠠᠶᠤᠩᠭ᠎ᠠ ᠭᠡᠳᠡᠭ ᠪᠤᠯ ᠬᠤᠷ᠎ᠠ ᠪᠤᠷᠤᠭᠠᠨ ᠤ ᠡᠬᠦᠯᠡ ᠴᠢᠩᠭ᠎ᠠ ᠪᠠᠷ ᠬᠤᠮᠢᠷᠠᠯᠳᠤᠨ ᠪᠥᠷᠢᠯᠳᠥᠬᠦ ᠱᠠᠳᠤᠨ ᠳᠠᠭᠠᠨ ᠡᠬᠦᠯᠡᠨ ᠲᠠᠪᠬᠤᠷᠭ᠎ᠠ ᠶᠢᠨ ᠬᠤᠭᠤᠷᠤᠨᠳᠤ᠂ | ᠡᠬᠦᠯᠡ ᠭᠠᠵᠠᠷ ᠤᠨ ᠬᠤᠭᠤᠷᠤᠨᠳᠤ᠂ ᠡᠬᠦᠯᠡ ᠠᠭᠠᠷ ᠤᠨ ᠬᠤᠭᠤᠷᠤᠨᠳᠤ ᠳᠠᠬᠢ ᠴᠠᠬᠢᠯᠭᠠᠨ ᠤ ᠪᠠᠶᠢᠷᠢ ᠶᠢᠨ ᠵᠥᠷᠢᠶ᠎ᠡ ᠨᠢ ᠵᠤᠬᠢᠬᠤ ᠭᠡᠮᠵᠢᠶᠡᠨ ᠳᠤ ᠬᠥᠷᠬᠦ ᠳᠤ ᠴᠠᠬᠢᠯᠭᠠᠨ | ᠲᠠᠯᠪᠢᠬᠤ ᠥᠵᠡᠭᠳᠡᠯ ᠡᠬᠦᠰᠳᠡᠭ᠃ ᠬᠥᠮᠥᠨ᠂ ᠪᠠᠷᠢᠯᠭ᠎ᠠ ᠪᠤᠶᠤ ᠡᠯ᠎ᠡ ᠵᠥᠢᠯ ᠤᠨ ᠪᠡᠯᠡᠳᠭᠡᠮᠵᠢ ᠳᠤ ᠠᠶᠤᠩᠭ᠎ᠠ ᠪᠠᠭᠤᠪᠠᠯ ᠶᠡᠷᠥ ᠠᠴᠠ ᠬᠥᠮᠥᠨ ᠥᠬᠦᠵᠤ ᠰᠢᠷᠬᠠᠳᠤᠬᠤ | ᠪᠠ ᠠᠵᠤ ᠠᠬᠤᠢ ᠶᠢᠨ ᠬᠤᠬᠢᠷᠠᠯ ᠭᠠᠷᠳᠠᠭ᠃ ᠠᠶᠤᠩᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠳᠤ᠄ | ① ᠬᠥᠳᠡᠭᠡ ᠭᠠᠳᠠᠨ᠎ᠠ ᠰᠢᠬᠦᠷ ᠲᠡᠯᠭᠡᠬᠦ᠂ ᠲᠡᠷᠢᠶᠠᠯᠠᠩ ᠤᠨ ᠪᠠᠭᠠᠵᠢ᠂ ᠥᠳᠥᠨ ᠪᠥᠮᠪᠦᠭᠡ ᠶᠢᠨ ᠴᠤᠬᠢᠭᠤᠷ ᠪᠠ ᠭᠤᠯᠹ ᠪᠥᠮᠪᠦᠭᠡ ᠶᠢᠨ ᠴᠤᠬᠢᠭᠤᠷ ᠵᠡᠷᠭᠡ | ᠶᠢ ᠮᠥᠷᠥᠨ ᠲᠡᠭᠡᠷ᠎ᠡ ᠪᠠᠨ ᠲᠠᠯᠪᠢᠬᠤ ᠠᠴᠠ ᠰᠡᠷᠭᠡᠶᠢᠯᠡᠨ᠎ᠡ᠃ | ② ᠴᠠᠬᠢᠯᠭᠠᠨ ᠤᠳᠠᠰᠤ᠂ ᠤᠰᠤᠨ ᠤ ᠬᠤᠭᠤᠯᠠᠢ᠂ ᠲᠡᠮᠥᠷ ᠲᠤᠤᠷ᠂ ᠲᠡᠮᠦᠷᠯᠢᠭ ᠡᠬᠦᠳᠡ ᠴᠤᠩᠬᠤ᠂ ᠪᠠᠷᠢᠯᠭ᠎ᠠ ᠶᠢᠨ ᠭᠠᠳᠠᠭᠤᠷ ᠭᠡᠷᠡᠮ ᠲᠠᠢ ᠤᠢᠢᠷᠠᠳᠴᠤ | ᠤᠭᠳᠤ ᠪᠤᠯᠬᠤ ᠥᠭᠡᠢ᠃ ᠴᠠᠬᠢᠯᠭᠠᠨ ᠤᠳᠠᠰᠤ ᠵᠡᠷᠭᠡ ᠴᠠᠬᠢᠯᠭᠠᠨ ᠲᠠᠢ ᠪᠡᠯᠡᠳᠭᠡᠮᠵᠢ ᠪᠤᠯᠤᠨ ᠪᠤᠰᠤᠳ ᠲᠡᠮᠦᠷᠯᠢᠭ ᠪᠤᠶᠤ ᠲᠡᠮᠦᠷᠯᠢᠭ ᠲᠠᠢ ᠠᠳᠠᠯᠢᠪᠳᠤᠷ ᠪᠤᠳᠠᠰ ᠠᠴᠠ | ᠬᠤᠯᠠ ᠪᠠᠶᠢᠬᠤ ᠶᠢ ᠪᠠᠷᠢᠮᠳᠠᠯᠠᠨ᠎ᠠ᠃ | ③ ᠶᠡᠭᠡ ᠠᠶᠤᠩᠭ᠎ᠠ ᠨᠢᠷᠬᠡᠬᠦ ᠥᠶ᠎ᠡ ᠳᠤ ᠠᠶᠤᠩᠭ᠎ᠠ ᠰᠡᠷᠭᠡᠶᠢᠯᠡᠬᠦ ᠲᠤᠨᠤᠭᠯᠠᠯ ᠤᠭᠰᠠᠷᠠᠭᠰᠠᠨ ᠥᠭᠡᠢ ᠵᠢᠷᠤᠭᠳᠤ ᠷᠠᠳᠢᠤ᠋᠂ ᠺᠤᠮᠫᠢᠦ᠋ᠲ᠋ᠧᠷ᠂ ᠤᠳᠠᠰᠤ ᠪᠠᠷ | ᠲᠤᠤᠷ ᠰᠥᠯᠵᠢᠶᠡᠨ ᠳᠤ ᠭᠠᠷᠬᠤ ᠵᠡᠷᠭᠡ ᠡᠯᠧᠺᠲᠷᠤᠨ ᠪᠥᠳᠥᠭᠡᠭᠳᠡᠬᠦᠨ ᠭᠡᠷᠡᠭᠯᠡᠬᠦ ᠪᠠᠨ ᠵᠤᠭᠰᠤᠬᠤ ᠭᠡᠷᠡᠭᠳᠡᠢ᠃ | ᠰᠠᠨᠠᠭᠤᠯᠬᠤ ᠨᠢ᠄ | ① ᠭᠡᠷ ᠤᠨ ᠭᠠᠳᠠᠨᠠᠬᠢ ᠬᠥᠮᠥᠰ ᠠᠶᠤᠩᠭ᠎ᠠ ᠰᠡᠷᠭᠡᠶᠢᠯᠡᠬᠦ ᠪᠡᠯᠡᠳᠭᠡᠮᠵᠢ ᠤᠭᠰᠠᠷᠠᠭᠰᠠᠨ ᠪᠠᠷᠢᠯᠭ᠎ᠠ ᠪᠤᠶᠤ ᠮᠠᠰᠢᠨ ᠲᠡᠷᠭᠡᠨ ᠲᠤᠳᠤᠷ᠎ᠠ ᠲᠠᠯᠳᠠᠯᠠᠨ᠎ᠠ᠃ | ② ᠠᠶᠤᠯ ᠲᠠᠢ ᠴᠠᠬᠢᠯᠭᠠᠨ ᠤ ᠢᠷᠡᠯᠳᠡ ᠶᠢ ᠲᠠᠰᠤᠯᠵᠤ᠂ ᠠᠶᠤᠩᠭ᠎ᠠ ᠨᠢᠷᠭᠡᠭᠰᠡᠨ ᠠᠴᠠ ᠪᠤᠯᠵᠤ ᠭᠠᠯ ᠤᠨ ᠠᠶᠤᠯ ᠡᠬᠦᠰᠬᠦ ᠶᠢ ᠰᠡᠷᠭᠡᠶᠢᠯᠡᠵᠤ ᠪᠤᠯᠤᠨ᠎ᠠ᠃ | ③ ᠵᠤᠷᠴᠢᠨ ᠶᠠᠪᠤᠭᠰᠠᠳ ᠮᠤᠳᠤ᠂ ᠴᠠᠬᠢᠯᠭᠠᠨ ᠤᠳᠠᠰᠤᠨ ᠤ ᠪᠠᠭᠠᠨ᠎ᠠ᠂ ᠰᠤᠪᠤᠷᠭᠠᠨ ᠭᠡᠯᠪᠡᠷᠢᠳᠤ ᠲᠡᠬᠦᠵᠢᠯᠡᠬᠦ ᠮᠠᠰᠢᠨ ᠤ ᠲᠤᠤᠷ᠎ᠠ ᠪᠤᠷᠤᠭᠠᠨ ᠠᠴᠠ | ᠲᠠᠯᠳᠠᠯᠠᠵᠤ ᠪᠤᠯᠬᠤ ᠥᠭᠡᠢ᠃ | ④ ᠬᠥᠳᠡᠭᠡ ᠭᠠᠳᠠᠨ᠎ᠠ ᠭᠠᠷ ᠤᠳᠠᠰᠤ ᠭᠡᠷᠡᠭᠯᠡᠵᠤ ᠪᠤᠯᠬᠤ ᠥᠭᠡᠢ᠃ | ︵9︶ ᠮᠥᠨᠳᠥᠷ | ᠮᠥᠨᠳᠥᠷ ᠭᠡᠳᠡᠭ ᠪᠤᠯ ᠴᠢᠩᠭ᠎ᠠ ᠰᠤᠯᠢᠯᠴᠠᠯᠳᠤᠭᠰᠠᠨ ᠴᠠᠭ ᠠᠭᠤᠷ ᠤᠨ ᠡᠵᠡᠮᠰᠢᠯ ᠲᠤᠤᠷ᠎ᠠ᠂ ᠬᠤᠷ᠎ᠠ ᠪᠤᠷᠤᠭᠠᠨ ᠤ ᠬᠤᠷᠠᠮᠠᠯ ᠡᠬᠦᠯᠡᠨ ᠲᠤᠳᠤᠷ᠎ᠠ ᠮᠥᠰᠥᠳᠤᠨ | ᠪᠥᠷᠢᠯᠳᠥᠭᠰᠡᠨ ᠬᠠᠳᠠᠭᠤ ᠪᠡᠶᠡᠳᠤ ᠤᠰᠤ ᠪᠤᠯᠤᠨ᠎ᠠ᠃ ᠵᠢᠯ ᠪᠥᠷᠢ ᠶᠢᠨ ᠬᠠᠪᠤᠷ ᠵᠤᠨ ᠤ ᠬᠤᠭᠤᠷᠤᠨᠳᠤ ᠪᠠ ᠵᠤᠨ ᠨᠠᠮᠤᠷ ᠤᠨ ᠬᠤᠭᠤᠷᠤᠨᠳᠤ ᠮᠥᠨᠳᠥᠷ ᠬᠠᠮᠤᠭ ᠤᠨ | ᠠᠮᠠᠷᠬᠠᠨ ᠡᠬᠦᠰᠳᠡᠭ ᠶᠤᠮ᠃ ᠮᠥᠨᠳᠥᠷ ᠤᠷᠤᠬᠤ ᠳᠤ ᠶᠡᠷᠥ ᠳᠡᠭᠡᠨ ᠶᠡᠭᠡ ᠰᠠᠯᠬᠢ ᠰᠠᠯᠬᠢᠯᠠᠵᠤ᠂ ᠲᠤᠯᠠᠭᠠᠨ ᠤ ᠭᠡᠮᠵᠢᠶ᠎ᠡ ᠭᠡᠨᠡᠳᠳᠡ ᠪᠠᠭᠤᠷᠠᠨ᠂ ᠴᠠᠬᠢᠯᠭᠠᠨ ᠴᠠᠬᠢᠯᠳᠠᠭ᠃ | ᠮᠥᠨᠳᠥᠷ ᠤᠨ ᠪᠠᠭᠤᠬᠤ ᠬᠤᠷᠳᠤᠴᠠ ᠨᠢ ᠲᠥᠷᠭᠡᠨ᠂ ᠤᠨᠠᠵᠤ ᠲᠤᠰᠬᠤ ᠬᠥᠴᠥᠨ ᠨᠢ ᠨᠡᠯᠢᠶᠡᠳ ᠶᠡᠭᠡ ᠪᠤᠯᠬᠤᠷ ᠲᠡᠷᠢᠶᠠᠨ ᠭᠠᠵᠠᠷ᠂ ᠵᠢᠮᠢᠰ ᠤᠨ ᠮᠤᠳᠤ ᠵᠡᠷᠭᠡ | ᠲᠡᠷᠢᠶᠠᠯᠠᠩ ᠤᠨ ᠪᠥᠳᠥᠭᠡᠭᠳᠡᠬᠦᠨ ᠪᠤᠯᠤᠨ ᠤᠢ ᠰᠢᠭᠤᠢ ᠶᠢ ᠬᠤᠬᠢᠷᠠᠭᠤᠯᠬᠤ ᠪᠠᠷ ᠪᠠᠷᠠᠬᠤ ᠥᠭᠡᠢ ᠲᠤᠮᠤ ᠶᠡᠭᠡ ᠮᠥᠨᠳᠥᠷ ᠨᠢ ᠪᠠᠰᠠ ᠭᠡᠷ ᠪᠠᠷᠢᠯᠭ᠎ᠠ ᠵᠢᠴᠢ ᠪᠠᠷᠢᠯᠭ᠎ᠠ 365赢多少钱会被限额_国内有真正的365平台吗_365bet博彩官网 | ᠶᠢᠨ ᠭᠠᠵᠠᠷ ᠤᠨ ᠪᠡᠯᠡᠳᠭᠡᠮᠵᠢ ᠶᠢ ᠡᠪᠳᠡᠯᠡᠨ᠂ ᠡᠪᠡᠰᠥᠨ ᠲᠡᠯᠡᠪᠡᠢ ᠶᠢ ᠬᠤᠬᠢᠷᠠᠭᠤᠯᠤᠨ᠂ ᠴᠢᠨᠠᠭᠰᠢᠯᠠᠨ ᠬᠥᠮᠥᠨ ᠮᠠᠯ ᠥᠬᠦᠵᠤ ᠰᠢᠷᠬᠠᠳᠤᠳᠠᠭ᠃ ᠮᠥᠨᠳᠥᠷ ᠪᠤᠯ ᠨᠢᠭᠡ | ᠵᠥᠢᠯ ᠤᠨ ᠴᠠᠭ ᠠᠭᠤᠷ ᠤᠨ ᠭᠠᠮᠰᠢᠬ ᠮᠥᠨ᠃ ᠮᠥᠨᠳᠥᠷ ᠤᠨ ᠪᠠᠴᠢᠮ ᠪᠠᠶᠢᠳᠠᠯ ᠢ ᠠᠷᠭᠠᠴᠠᠬᠤ ᠳᠤ᠄ | ① ᠮᠥᠨᠳᠥᠷ ᠤᠷᠤᠬᠤ ᠶᠢ ᠲᠠᠭᠠᠯᠳᠤᠨ ᠠᠶᠤᠩᠭ᠎ᠠ ᠴᠠᠬᠢᠯᠭᠠᠨ ᠤ ᠭᠠᠮᠰᠢᠬ ᠡᠬᠦᠰᠬᠦ ᠶᠢ ᠠᠩᠬᠠᠷᠤᠨ ᠰᠡᠷᠭᠡᠶᠢᠯᠡᠨ᠎ᠡ᠃ | ② ᠮᠥᠨᠳᠥᠷ ᠲᠤ ᠠᠮᠠᠷᠬᠠᠨ ᠴᠤᠬᠢᠭᠳᠠᠬᠤ ᠮᠠᠰᠢᠨ ᠲᠡᠷᠭᠡ ᠵᠡᠷᠭᠡ ᠭᠡᠷ ᠤᠨ ᠭᠠᠳᠠᠨᠠᠬᠢ ᠪᠤᠳᠠᠰ ᠬᠢᠭᠡᠳ ᠪᠡᠯᠡᠳᠭᠡᠮᠵᠢ ᠪᠠᠨ ᠲᠤᠬᠢᠳᠠᠢ ᠪᠠᠶᠢᠷᠢᠯᠠᠭᠤᠯᠤᠨ᠎ᠠ᠃ | ③ ᠭᠡᠷ ᠤᠨ ᠵᠢᠬᠦᠷᠳᠡᠨ᠂ ᠮᠠᠯ ᠤᠨᠤᠭ᠎ᠠ ᠵᠡᠷᠭᠡ ᠶᠢ ᠬᠠᠰᠢᠶ᠎ᠠ ᠰᠠᠷᠠᠪᠴᠢ ᠲᠠᠢ ᠠᠶᠤᠯ ᠥᠭᠡᠢ ᠭᠠᠵᠠᠷ ᠲᠠᠯᠠᠪᠠᠢ ᠳᠤ ᠬᠤᠷᠢᠨ᠎ᠠ᠃ | ④ ᠭᠡᠷ ᠤᠨ ᠭᠠᠳᠠᠨ᠎ᠠ ᠠᠵᠢᠯᠯᠠᠭᠰᠠᠳ ᠠᠵᠢᠯ ᠢᠶᠠᠨ ᠵᠤᠭᠰᠤᠭᠠᠵᠤ᠂ ᠲᠡᠷᠦ᠋ᠢᠬᠠᠨ ᠠᠶᠤᠯ ᠥᠭᠡᠢ ᠭᠠᠵᠠᠷ ᠲᠤ ᠤᠴᠢᠵᠤ ᠲᠠᠯᠳᠠᠯᠠᠨ᠎ᠠ᠃ | ⑤ ᠭᠡᠥᠭᠡᠳ ᠤᠨ ᠴᠡᠴᠡᠷᠯᠢᠭ᠂ ᠰᠤᠷᠭᠠᠭᠤᠯᠢ ᠶᠢᠨ ᠰᠤᠷᠤᠭᠴᠢᠳ ᠢ ᠠᠩᠬᠢ ᠶᠢᠨ ᠭᠡᠷ ᠲᠤᠨᠢ ᠪᠠᠶᠢᠯᠭᠠᠪᠠᠯ ᠵᠤᠬᠢᠨ᠎ᠠ᠃ | ᠰᠠᠨᠠᠭᠤᠯᠬᠤ ᠨᠢ᠄ | ① ᠴᠠᠭ ᠠᠭᠤᠷ ᠤᠨ ᠮᠡᠳᠡᠭᠡ ᠶᠢ ᠥᠵᠡᠵᠤ ᠰᠤᠨᠤᠰᠬᠤ ᠪᠠᠨ ᠤᠨᠴᠠᠭᠠᠢ ᠠᠩᠬᠠᠷᠤᠨ᠎ᠠ᠃ | ② ᠮᠥᠨᠳᠥᠷ ᠤᠷᠤᠬᠤ ᠰᠡᠷᠡᠮᠵᠢ ᠶᠢᠨ ᠲᠤᠬᠢᠶ᠎ᠠ ᠶᠢ ᠤᠯᠤᠭᠰᠠᠨ ᠤ ᠲᠠᠷᠠᠭ᠎ᠠ᠂ ᠭᠠᠮᠰᠢᠬ ᠠᠴᠠ ᠵᠠᠶᠢᠯᠠᠬᠤ ᠵᠤᠬᠢᠬᠤ ᠠᠷᠭ᠎ᠠ ᠭᠡᠮᠵᠢᠶ᠎ᠡ ᠶᠢ ᠢᠳᠡᠪᠬᠢᠳᠡᠢ | ᠠᠪᠬᠤ ᠭᠡᠷᠡᠭᠳᠡᠢ᠃ | ③ ᠡᠬᠦᠳᠡ ᠴᠤᠩᠬᠤ ᠪᠠᠨ ᠬᠠᠭᠠᠵᠤ᠂ ᠭᠡᠷ ᠤᠨ ᠭᠠᠳᠠᠨᠠᠬᠢ ᠠᠵᠢᠯᠯᠠᠭ᠎ᠠ ᠶᠢ ᠲᠥᠷ ᠵᠤᠭᠰᠤᠭᠠᠬᠤ ᠭᠡᠷᠡᠭᠳᠡᠢ᠃ | ︵10︶ ᠬᠢᠷᠠᠭᠤ | ᠬᠢᠷᠠᠭᠤ ᠭᠡᠳᠡᠭ ᠪᠤᠯ ᠵᠤᠨ ᠤ ᠡᠴᠥᠰ ᠨᠠᠮᠤᠷ ᠤᠨ ᠡᠬᠢ ᠪᠠᠷ ᠬᠥᠢᠳᠡᠨ ᠠᠭᠤᠷ ᠠᠮᠢᠰᠬᠤᠯ ᠤᠨ ᠨᠥᠯᠥᠭᠡ ᠪᠠᠷ ᠬᠥᠷᠥᠰᠤ ᠰᠢᠷᠤᠢ ᠶᠢᠨ ᠭᠠᠳᠠᠷᠭᠤ᠂ | ᠤᠷᠭᠤᠮᠠᠯ ᠤᠨ ᠥᠡᠭᠭᠡᠨ ᠲᠠᠯ᠎ᠠ ᠵᠢᠴᠢ ᠭᠠᠵᠠᠷ ᠨᠠᠯᠠᠭᠰᠠᠨ ᠠᠭᠠᠷ ᠤᠨ ᠲᠠᠪᠬᠤᠷᠭ᠎ᠠ ᠶᠢᠨ ᠲᠤᠯᠠᠭᠠᠨ ᠤ ᠭᠡᠮᠵᠢᠶ᠎ᠡ ᠨᠢ ᠲᠥᠷᠭᠡᠨ ᠪᠠᠭᠤᠷᠠᠭᠠᠳ 0℃ ᠠᠴᠠ ᠲᠤᠷᠤᠭᠰᠢ | ᠪᠤᠯᠵᠤ᠂ ᠤᠷᠭᠤᠮᠠᠯ ᠤᠨ ᠤᠤᠭᠠᠨ ᠡᠳ᠋ ᠡᠪᠳᠡᠭᠳᠡᠭᠰᠡᠨ ᠠᠴᠠ ᠤᠷᠭᠤᠮᠠᠯ ᠬᠤᠬᠢᠷᠠᠬᠤ ᠪᠤᠶᠤ ᠥᠬᠦᠵᠤ ᠰᠥᠨᠥᠬᠦ ᠨᠢᠭᠡ ᠵᠥᠢᠯ ᠤᠨ ᠲᠤᠤᠷ᠎ᠠ ᠲᠤᠯᠠᠭᠠᠨ ᠤ ᠭᠠᠮᠰᠢᠬ | ᠪᠤᠯᠤᠨ᠎ᠠ᠃ ᠬᠢᠷᠠᠭᠤ ᠶᠢ ᠪᠠᠰᠠ ᠴᠠᠭᠠᠨ ᠬᠢᠷᠠᠭᠤ ᠬᠢᠭᠡᠳ ᠬᠠᠷ᠎ᠠ ᠬᠢᠷᠠᠭᠤ ᠭᠡᠵᠤ ᠬᠤᠪᠢᠶᠠᠳᠠᠭ᠃ ᠬᠢᠷᠠᠭᠤ ᠤᠨᠠᠬᠤ ᠨᠥᠬᠦᠴᠡᠯ ᠪᠥᠷᠢᠯᠳᠥᠬᠡᠳ ᠭᠡᠢ ᠠᠭᠠᠷ ᠲᠠᠬᠢ | ᠤᠰᠤᠨ ᠠᠭᠤᠷ ᠤᠨ ᠠᠭᠤᠯᠤᠭᠳᠠᠴᠠ ᠨᠢ ᠬᠥᠢᠴᠡᠳ ᠪᠠᠶᠢᠬᠤ ᠥᠶ᠎ᠡ ᠳᠤ ᠤᠰᠤᠨ ᠠᠭᠤᠷ ᠨᠢ ᠤᠷᠭᠤᠮᠠᠯ ᠤᠨ ᠥᠡᠭᠭᠡᠨ ᠲᠠᠯ᠎ᠠ ᠳᠤ ᠰᠢᠭᠤᠳ ᠨᠠᠭᠠᠯᠳᠤᠨ ᠮᠥᠰᠦᠯᠢᠭ | ᠪᠤᠯᠵᠤ ᠨᠢᠭᠡᠨ ᠲᠠᠪᠬᠤᠷᠭ᠎ᠠ ᠴᠠᠭᠠᠨ ᠥᠡᠭᠭᠡ ᠲᠠᠢ ᠬᠢᠷᠠᠭᠤ ᠰᠠᠭᠤᠬᠤ ᠶᠢ ᠴᠠᠭᠠᠨ ᠬᠢᠷᠠᠭᠤ ᠭᠡᠳᠡᠭ᠃ ᠬᠢᠷᠠᠭᠤ ᠤᠨᠠᠬᠤ ᠨᠥᠬᠦᠴᠡᠯ ᠪᠥᠷᠢᠯᠳᠥᠭᠡᠳ ᠭᠡᠢ ᠠᠭᠠᠷ ᠲᠠᠬᠢ | ᠤᠰᠤᠨ ᠠᠭᠤᠷ ᠤᠨ ᠠᠭᠤᠯᠤᠭᠳᠠᠴᠠ ᠨᠢ ᠬᠥᠢᠴᠡᠳ ᠪᠤᠰᠤ ᠪᠠᠶᠢᠪᠠᠯ ᠤᠷᠭᠤᠮᠠᠯ ᠤᠨ ᠥᠡᠭᠭᠡᠨ ᠲᠠᠯ᠎ᠠ ᠳᠤ ᠴᠠᠭᠠᠨ ᠬᠢᠷᠠᠭᠤ ᠰᠠᠭᠤᠬᠤ ᠥᠭᠡᠢ᠂ ᠭᠡᠪᠡᠴᠤ ᠠᠭᠠᠷ ᠤᠨ | ᠲᠤᠯᠠᠭᠠᠨ ᠤ ᠭᠡᠮᠵᠢᠶ᠎ᠡ ᠨᠢ ᠪᠠᠭᠤᠷᠠᠭᠠᠳ 0℃ ᠠᠴᠠ ᠲᠤᠷᠤᠭᠰᠢ ᠪᠤᠯᠵᠤ᠂ ᠲᠡᠷᠢᠮᠠᠯ ᠪᠤᠶᠤ ᠵᠢᠮᠢᠰ ᠤᠨ ᠮᠤᠳᠤ ᠵᠢᠴᠢ ᠪᠤᠰᠤᠳ ᠤᠷᠭᠤᠮᠠᠯ ᠬᠥᠯᠳᠡᠵᠤ᠂ ᠨᠠᠮᠠᠭ᠎ᠠ | ᠨᠠᠪᠴᠢ ᠨᠢ ᠬᠤᠪᠠᠭ᠋ᠠᠶᠢᠷᠠᠵᠤ ᠰᠥᠨᠥᠬᠦ ᠠᠴᠠ ᠪᠤᠯᠵᠤ ᠬᠠᠷᠠᠯᠠᠬᠤ ᠶᠢ ᠬᠠᠷ᠎ᠠ ᠬᠢᠷᠠᠭᠤ ᠭᠡᠳᠡᠭ ᠶᠤᠮ᠃ ᠬᠢᠷᠠᠭᠤ ᠶᠢᠨ ᠪᠠᠴᠢᠮ ᠪᠠᠶᠢᠳᠠᠯ ᠢ ᠠᠷᠭᠠᠴᠠᠬᠤ ᠳᠤ᠄ | ① ᠲᠤᠬᠠᠢ ᠶᠢᠨ ᠭᠠᠵᠠᠷ ᠤᠨ ᠲᠤᠯᠠᠭᠠᠨ ᠤ ᠭᠡᠮᠵᠢᠶ᠎ᠡ ᠪᠠᠭᠤᠷᠠᠵᠤ᠂ ᠬᠢᠷᠠᠭᠤ ᠤᠨᠠᠬᠤ ᠵᠢᠮ᠎ᠡ ᠶᠤᠰᠤ ᠶᠢ ᠡᠵᠡᠮᠰᠢᠵᠤ᠂ ᠲᠡᠷᠢᠮᠠᠯ ᠤᠨ ᠵᠠᠩᠬᠢᠯᠠᠭ᠎ᠠ ᠶᠢᠨ | ᠪᠤᠶᠢᠵᠢᠯᠳᠠ ᠶᠢᠨ ᠬᠤᠭᠤᠴᠠᠭ᠎ᠠ ᠶᠢ ᠨᠢ ᠬᠢᠷᠠᠭᠤ ᠤᠨᠠᠬᠤ ᠤᠯᠠᠷᠢᠯ ᠲᠠᠢ ᠵᠥᠷᠢᠬᠦᠯᠡᠵᠤ᠂ ᠲᠤᠤᠷ᠎ᠠ ᠲᠤᠯᠠᠭᠠᠨ ᠳᠤ ᠬᠢᠷᠠᠭᠤ ᠤᠨᠠᠵᠤ ᠬᠤᠬᠢᠷᠠᠬᠤ ᠶᠢ ᠬᠤᠷᠢᠭᠯᠠᠨ | ᠪᠠᠭᠠᠰᠬᠠᠬᠤ ᠭᠡᠷᠡᠭᠳᠡᠢ᠃ | ② ᠬᠥᠢᠳᠡᠨ ᠳᠤ ᠥᠯᠴᠢᠷ ᠲᠡᠷᠢᠮᠠᠯ ᠢ ᠪᠤᠶᠢᠵᠢᠭᠤᠯᠵᠤ᠂ ᠲᠡᠷᠢᠵᠤ ᠪᠤᠶᠢᠵᠢᠭᠤᠯᠬᠤ ᠮᠡᠷᠭᠡᠵᠢᠯ ᠢᠶᠠᠨ ᠴᠤ ᠲᠡᠷᠢᠮᠠᠯ ᠤᠨ ᠬᠥᠢᠳᠡᠨ ᠳᠤ ᠥᠯᠴᠢᠷ ᠪᠠᠶᠢᠬᠤ | ᠴᠢᠳᠠᠮᠵᠢ ᠶᠢ ᠲᠡᠭᠡᠭᠰᠢᠯᠡᠬᠦᠯᠬᠦ ᠳᠤ ᠬᠠᠨᠳᠤᠭᠤᠯᠤᠨ᠎ᠠ᠃ | ③ ᠬᠢᠷᠠᠭᠤ ᠤᠨᠠᠬᠤ ᠠᠴᠠ ᠡᠮᠥᠨ᠎ᠡ ᠤᠰᠤ ᠰᠥᠷᠴᠢᠬᠦ᠂ ᠤᠰᠤ ᠴᠢᠳᠬᠤᠬᠤ᠂ ᠤᠳᠤᠯᠭ᠎ᠠ ᠬᠢᠬᠦ᠂ ᠪᠥᠳᠡᠭᠡᠵᠤ ᠬᠤᠴᠢᠬᠤ᠂ ᠪᠤᠷᠳᠤᠭᠤᠷ ᠤᠷᠤᠭᠤᠯᠬᠤ᠂ | ᠰᠠᠯᠬᠢᠨ ᠢ ᠬᠠᠯᠬᠠᠯᠠᠬᠤ ᠵᠡᠷᠭᠡ ᠰᠡᠷᠭᠡᠶᠢᠯᠡᠬᠦ ᠠᠷᠭ᠎ᠠ ᠭᠡᠮᠵᠢᠶ᠎ᠡ ᠪᠠᠷ ᠲᠤᠤᠷ᠎ᠠ ᠲᠤᠯᠠᠭᠠᠨ ᠳᠤ ᠲᠡᠷᠢᠮᠠᠯ ᠤᠨ ᠬᠢᠷᠠᠭᠤᠨ ᠳᠤ ᠬᠥᠯᠳᠡᠬᠦ ᠶᠢ ᠨᠢ ᠪᠠᠭᠠᠰᠬᠠᠨ᠎ᠠ᠃ | ᠰᠠᠨᠠᠭᠤᠯᠬᠤ ᠨᠢ᠄ | ① ᠡᠯ᠎ᠡ ᠱᠠᠳᠤᠨ ᠤ ᠵᠠᠰᠠᠭ ᠤᠨ ᠤᠷᠳᠤᠨ ᠵᠢᠴᠢ ᠲᠡᠷᠢᠶᠠᠯᠠᠩ ᠮᠠᠯ ᠠᠵᠤ ᠠᠬᠤᠢ᠂ ᠴᠠᠭ ᠠᠭᠤᠷ ᠵᠡᠷᠭᠡ ᠬᠤᠯᠪᠤᠭᠳᠠᠯ ᠪᠥᠬᠦᠢ ᠰᠠᠯᠠᠭ᠎ᠠ ᠮᠥᠴᠢᠷ ᠤᠳ | ᠬᠠᠮᠵᠢᠯᠴᠠᠨ ᠠᠵᠢᠯᠯᠠᠵᠤ᠂ ᠬᠢᠷᠠᠭᠤ ᠠᠴᠠ ᠰᠡᠷᠭᠡᠶᠢᠯᠡᠬᠦ ᠠᠵᠢᠯ ᠢ ᠬᠠᠮᠳᠤ ᠪᠠᠷ ᠰᠠᠶᠢᠳᠤᠷ ᠬᠢᠨ᠎ᠠ᠃ | ② ᠨᠡᠶᠢᠭᠡᠮ ᠨᠡᠶᠢᠳᠡ ᠪᠠᠷ ᠢᠶᠠᠨ᠂ ᠤᠨᠴᠠᠭᠠᠢᠢᠯᠠᠨ ᠲᠡᠷᠢᠶᠠᠴᠢᠨ ᠮᠠᠯᠴᠢᠳ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠴᠠᠭ ᠢᠮᠠᠭᠳᠠ ᠠᠩᠬᠠᠷᠤᠨ᠂ | ᠬᠢᠷᠠᠭᠤ ᠶᠢᠨ ᠥᠶ᠎ᠡ ᠪᠤᠯᠬᠤ ᠳᠤ ᠬᠤᠯᠪᠤᠭᠳᠠᠯ ᠪᠥᠬᠦᠢ ᠰᠠᠯᠠᠭ᠎ᠠ ᠮᠥᠴᠢᠷ ᠤᠨ ᠵᠢᠯᠤᠭᠤᠳᠤᠯᠭ᠎ᠠ ᠲᠤᠤᠷ᠎ᠠ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠬᠦ ᠠᠵᠢᠯᠯᠠᠭ᠎ᠠ ᠬᠢᠨ᠎ᠠ᠃ | | ︵11︶ ᠬᠥᠢᠳᠡᠨ ᠤᠷᠤᠰᠬᠠᠯ | ᠤᠳᠠᠭ᠎ᠠ ᠪᠥᠷᠢ ᠶᠢᠨ ᠬᠥᠢᠳᠡᠨ ᠠᠭᠠᠷ ᠲᠠᠭᠠᠷᠢᠵᠤ ᠭᠠᠷᠬᠤ ᠪᠤᠯᠭᠠᠨ ᠳᠤ ᠲᠡᠷᠡ ᠬᠦ ᠭᠠᠵᠠᠷ ᠤᠷᠤᠨ ᠳᠠᠬᠢ 24 ᠴᠠᠭ ᠤᠨ ᠬᠠᠮᠤᠭ ᠲᠤᠤᠷ᠎ᠠ ᠲᠤᠯᠠᠭᠠᠨ ᠤ | ᠭᠡᠮᠵᠢᠶ᠎ᠡ ᠨᠢ 8℃ ᠠᠴᠠ ᠲᠡᠭᠡᠭᠰᠢ ᠪᠠᠭᠤᠷᠠᠬᠤ ᠮᠥᠷᠳᠡᠭᠡᠨ ᠬᠠᠮᠤᠭ ᠲᠤᠤᠷ᠎ᠠ ᠲᠤᠯᠠᠭᠠᠨ ᠤ ᠭᠡᠮᠵᠢᠶ᠎ᠡ ᠨᠢ 4℃ ᠲᠠᠢ ᠲᠡᠩᠴᠡᠬᠦᠥ ᠪᠤᠶᠤ ᠲᠤᠤᠷ᠎ᠠ ᠪᠠᠶᠢᠵᠤ᠂ ᠡᠭᠡ | ᠬᠠᠭᠤᠷᠠᠢ ᠲᠡᠭᠡᠷᠡᠬᠢ ᠲᠡᠭᠰᠢᠳᠭᠡᠭᠰᠡᠨ ᠰᠠᠯᠬᠢᠨ ᠤ ᠬᠥᠴᠤ ᠨᠢ 5~7 ᠲᠡᠰ ᠲᠤ ᠬᠥᠷᠬᠦ ᠶᠢ ᠬᠥᠢᠳᠡᠨ ᠤᠷᠤᠰᠬᠠᠯ ᠭᠡᠨ᠎ᠡ᠃ ᠬᠥᠢᠳᠡᠨ ᠤᠷᠤᠰᠬᠠᠯ ᠲᠠᠭᠠᠷᠢᠵᠤ | ᠭᠠᠷᠤᠭᠰᠠᠨ ᠭᠠᠵᠠᠷ ᠤᠨ ᠲᠤᠯᠠᠭᠠᠨ ᠤ ᠭᠡᠮᠵᠢᠶ᠎ᠡ ᠭᠡᠨᠡᠳᠳᠡ ᠪᠠᠭᠤᠷᠠᠬᠤ᠂ ᠶᠡᠭᠡ ᠰᠠᠯᠬᠢ ᠪᠤᠯᠤᠨ ᠪᠤᠷᠤᠭᠠᠨ ᠴᠠᠰᠤ ᠤᠷᠤᠬᠤ ᠵᠡᠷᠭᠡ ᠴᠠᠭ ᠠᠭᠤᠷ ᠤᠨ ᠪᠠᠶᠢᠳᠠᠯ ᠶᠡᠭᠡ | ᠭᠡᠪᠴᠢᠶ᠎ᠡ ᠪᠠᠷ ᠢᠯᠡᠷᠡᠨ᠎ᠡ᠃ ᠬᠥᠢᠳᠡᠨ ᠤᠷᠤᠰᠬᠠᠯ ᠤᠨ ᠪᠠᠴᠢᠮ ᠪᠠᠶᠢᠳᠠᠯ ᠢ ᠠᠷᠭᠠᠴᠠᠬᠤ ᠳᠤ᠄ | ① ᠪᠠᠬᠢᠯᠡᠵᠤ ᠲᠤᠯᠠᠭᠠᠯᠠᠬᠤ ᠪᠠᠨ ᠠᠩᠬᠠᠷᠴᠤ᠂ ᠡᠪᠡᠳᠴᠢᠨ ᠡᠮᠭᠡᠭ ᠲᠠᠭᠠᠯᠳᠤᠨ ᠡᠬᠦᠰᠬᠦ ᠶᠢ ᠰᠡᠷᠭᠡᠶᠢᠯᠡᠨ᠎ᠡ᠃ | ② ᠶᠡᠭᠡ ᠰᠠᠯᠬᠢᠨ ᠳᠤ ᠬᠢᠯᠪᠠᠷᠬᠠᠨ ᠬᠡᠶᠢᠰᠴᠤ ᠥᠯᠢᠶᠡᠭᠳᠡᠬᠦ ᠡᠬᠦᠳᠡ ᠴᠤᠩᠬᠤ᠂ ᠪᠥᠰᠡᠯᠡᠬᠦᠷ ᠬᠠᠪᠳᠠᠰᠤ ᠵᠡᠷᠭᠡ ᠪᠡᠯᠡᠳᠭᠡᠮᠵᠢ ᠪᠠᠨ ᠪᠠᠬᠢᠯᠡᠨ᠎ᠡ᠃ | ③ ᠲᠠᠷᠢᠮᠠᠯ ᠤᠨ ᠵᠥᠢᠯ᠂ ᠮᠠᠯ ᠵᠢᠬᠦᠷᠳᠡᠨ ᠵᠡᠷᠭᠡ ᠪᠠᠨ ᠬᠠᠮᠠᠭᠠᠯᠠᠬᠤ ᠠᠷᠭ᠎ᠠ ᠭᠡᠮᠵᠢᠶ᠎ᠡ ᠠᠪᠬᠤ ᠭᠡᠷᠡᠭᠳᠡᠢ᠃ | ᠰᠠᠨᠠᠭᠤᠯᠬᠤ ᠨᠢ᠄ | ① ᠬᠥᠢᠳᠡᠨ ᠤᠷᠤᠰᠬᠠᠯ ᠤᠨ ᠤᠷᠢᠳᠴᠢᠯᠠᠭᠰᠠᠨ ᠮᠡᠳᠡᠭᠡ ᠶᠢ ᠪᠠᠶᠢᠡᠭᠭᠤ ᠠᠩᠬᠠᠷᠴᠤ᠂ ᠭᠠᠮᠰᠢᠬ ᠢ ᠰᠡᠷᠭᠡᠶᠢᠯᠡᠬᠦ ᠪᠡᠯᠡᠳᠭᠡᠯ ᠠᠵᠢᠯ ᠢᠶᠠᠨ ᠤᠷᠢᠳᠴᠢᠯᠠᠨ | ᠰᠠᠶᠢᠳᠤᠷ ᠬᠢᠨ᠎ᠠ᠃ | ② ᠬᠥᠢᠳᠡᠨ ᠤᠷᠤᠰᠬᠠᠯ ᠠᠴᠠ ᠪᠤᠯᠵᠤ ᠰᠠᠯᠬᠢᠨ ᠪᠤᠷᠤᠭᠠᠨ ᠬᠢᠯᠪᠠᠷ ᠡᠬᠦᠰᠬᠦ ᠪᠤᠯᠬᠤᠷ᠂ ᠤᠰᠤᠨ ᠳᠤ ᠠᠵᠢᠯᠯᠠᠬᠤ ᠬᠥᠮᠥᠰ ᠤᠨᠴᠠᠭᠠᠢ ᠠᠩᠬᠠᠷᠤᠨ᠎ᠠ᠃ | ︵12︶ ᠴᠠᠰᠤ ᠵᠤᠳ | ᠵᠠᠯᠭᠠᠭ᠎ᠠ ᠪᠠᠷ ᠤᠷᠤᠭᠰᠠᠨ ᠴᠠᠰᠤᠨ ᠤ ᠭᠡᠮᠵᠢᠶ᠎ᠡ ᠨᠢ 10mm ᠠᠴᠠ ᠶᠡᠭᠡ ᠪᠤᠶᠤ ᠲᠡᠩᠴᠡᠬᠦᠥ ᠪᠤᠯᠪᠠᠯ ᠴᠠᠰᠤ ᠵᠤᠳ ᠭᠡᠨ᠎ᠡ᠃ ᠴᠠᠰᠤ ᠵᠤᠳ ᠭᠡᠳᠡᠭ ᠨᠢ | ᠤᠷᠳᠤ ᠬᠤᠭᠤᠴᠠᠭ᠎ᠠ ᠪᠠᠷ ᠶᠡᠭᠡ ᠴᠠᠰᠤ ᠤᠷᠤᠭᠠᠳ ᠶᠡᠭᠡ ᠭᠡᠮᠵᠢᠶ᠎ᠡ ᠪᠠᠷ ᠴᠠᠰᠤ ᠬᠤᠷᠠᠵᠤ᠂ ᠵᠠᠮ ᠬᠠᠷᠢᠯᠴᠠᠭ᠎ᠠ᠂ ᠠᠵᠤ ᠥᠢᠯᠡᠳᠪᠥᠷᠢ᠂ ᠲᠡᠷᠢᠶᠠᠯᠠᠩ ᠤᠨ | ᠥᠢᠯᠡᠳᠪᠥᠷᠢᠯᠡᠯ ᠪᠤᠯᠤᠨ ᠠᠷᠠᠳ ᠤᠨ ᠠᠮᠢᠳᠤᠷᠠᠯ ᠵᠡᠷᠭᠡ ᠶᠢ ᠨᠥᠯᠥᠭᠡᠯᠡᠬᠦ ᠪᠠᠶᠢᠭᠠᠯᠢ ᠶᠢᠨ ᠭᠠᠮᠰᠢᠬ ᠮᠥᠨ᠃ ᠴᠠᠰᠤ ᠵᠤᠳ ᠤᠨ ᠪᠠᠴᠢᠮ ᠪᠠᠶᠢᠳᠠᠯ ᠢ ᠠᠷᠭᠠᠴᠠᠬᠤ ᠳᠤ᠄ | ① ᠵᠠᠮ ᠬᠠᠷᠢᠯᠴᠠᠭ᠎ᠠ᠂ ᠲᠡᠮᠥᠷ ᠵᠠᠮ᠂ ᠴᠠᠬᠢᠯᠭᠠᠨ ᠬᠥᠴᠥᠨ᠂ ᠴᠢᠮᠡᠭᠡ ᠨᠡᠪᠳᠡᠷᠡᠯᠭᠡ ᠵᠡᠷᠭᠡ ᠰᠠᠯᠠᠭ᠎ᠠ ᠮᠥᠴᠢᠷ ᠤᠨ ᠬᠢᠨ ᠵᠠᠰᠠᠮᠠᠯ ᠵᠠᠮ᠂ ᠲᠡᠮᠥᠷ ᠵᠠᠮ ᠤᠨ | ᠵᠠᠮ ᠱᠤᠭᠤᠮ ᠢᠶᠠᠨ ᠲᠤᠭᠤᠷᠢᠨ ᠪᠠᠶᠢᠴᠠᠭᠠᠵᠤ ᠬᠠᠮᠠᠭᠠᠯᠠᠬᠤ ᠪᠥᠭᠡᠳ ᠵᠠᠮ ᠱᠤᠭᠤᠮ ᠢᠶᠠᠨ ᠴᠡᠪᠡᠷᠯᠡᠵᠤ ᠱᠥᠬᠦᠷᠳᠡᠬᠦ ᠪᠠ ᠬᠤᠷᠠᠭᠰᠠᠨ ᠴᠠᠰᠤ ᠶᠢ ᠠᠷᠢᠯᠭᠠᠬᠤ ᠠᠵᠢᠯ ᠢ | ᠰᠠᠶᠢᠳᠤᠷ ᠬᠢᠨ᠎ᠠ᠃ | ② ᠶᠠᠪᠠᠭᠠᠨ ᠬᠥᠮᠥᠰ ᠲᠠᠭᠠᠷᠠᠬᠤ ᠪᠠ ᠬᠠᠯᠳᠤᠷᠢᠬᠤ ᠠᠴᠠ ᠰᠡᠷᠭᠡᠶᠢᠯᠡᠵᠤ᠂ ᠵᠢᠯᠤᠭᠤᠴᠢᠳ ᠲᠡᠷᠭᠡ ᠬᠥᠰᠭᠡ ᠪᠠᠨ ᠬᠢᠴᠢᠶᠡᠨ ᠵᠢᠯᠤᠭᠤᠳᠴᠤ᠂ ᠲᠡᠷᠭᠡ ᠬᠥᠰᠭᠡ | ᠶᠢᠨ ᠬᠥᠷᠳᠥᠨ ᠳᠡᠭᠡᠨ ᠭᠤᠯᠭᠤᠬᠤ ᠠᠴᠠ ᠰᠡᠷᠭᠡᠶᠢᠯᠡᠬᠦ ᠠᠷᠭ᠎ᠠ ᠭᠡᠮᠵᠢᠶ᠎ᠡ ᠠᠪᠬᠤ ᠭᠡᠷᠡᠭᠳᠡᠢ᠃ | ᠰᠠᠨᠠᠭᠤᠯᠬᠤ ᠨᠢ᠄ | ① ᠮᠠᠯ ᠰᠥᠷᠥᠭ ᠤᠨ ᠪᠠᠬᠢᠯᠢᠭ᠌ ᠪᠤᠰᠤ | ᠬᠠᠰᠢᠶ᠎ᠠ ᠰᠠᠷᠠᠪᠴᠢ ᠪᠤᠯᠤᠨ ᠰᠥᠯᠢᠶᠤᠤ ᠫᠧᠩ ᠵᠡᠷᠭᠡ ᠴᠠᠰᠤᠨ ᠳᠤ ᠬᠢᠯᠪᠠᠷ ᠲᠠᠷᠤᠭᠳᠠᠵᠤ ᠡᠪᠳᠡᠷᠡᠬᠦ ᠠᠶᠤᠯ ᠲᠠᠢ ᠪᠠᠷᠢᠯᠭ᠎ᠠ ᠶᠢ ᠪᠠᠬᠢᠯᠡᠨ᠎ᠡ᠃ | ② ᠲᠠᠷᠢᠶᠠᠯᠠᠬᠤ ᠮᠠᠯᠵᠢᠬᠤ ᠤᠷᠤᠨ ᠪᠤᠯᠤᠨ ᠲᠡᠷᠢᠵᠤ ᠲᠡᠵᠢᠭᠡᠵᠤ ᠥᠷᠡᠵᠢᠬᠦᠯᠬᠦ ᠥᠢᠯᠡᠰ ᠤᠨ ᠬᠢᠨ ᠲᠡᠵᠢᠭᠡᠯ ᠪᠤᠷᠳᠤᠭ᠎ᠠ ᠪᠠᠨ ᠨᠥᠭᠡᠴᠡᠯᠡᠨ ᠬᠠᠳᠠᠭᠠᠯᠠᠵᠤ᠂ | ᠵᠤᠳ ᠠᠴᠠ ᠰᠡᠷᠭᠡᠶᠢᠯᠡᠬᠦ ᠪᠠ ᠬᠥᠯᠳᠡᠵᠤ ᠬᠤᠬᠢᠷᠠᠬᠤ ᠠᠴᠠ ᠰᠡᠷᠭᠡᠶᠢᠯᠡᠬᠦ ᠪᠡᠯᠡᠳᠭᠡᠯ ᠠᠵᠢᠯ ᠢᠶᠠᠨ ᠰᠠᠶᠢᠳᠤᠷ ᠬᠢᠨ᠎ᠠ᠃ | ③ ᠵᠠᠰᠠᠭ ᠤᠨ ᠤᠷᠳᠤᠨ ᠵᠢᠴᠢ ᠬᠠᠮᠢᠶ᠎ᠠ ᠪᠥᠬᠦᠢ ᠰᠠᠯᠠᠭ᠎ᠠ ᠮᠥᠴᠢᠷ ᠤᠳ ᠡᠬᠦᠷᠭᠡ ᠬᠠᠷᠢᠭᠤᠴᠠᠯᠭ᠎ᠠ ᠶᠢᠨ ᠢᠶᠠᠨ ᠶᠤᠰᠤᠭᠠᠷ ᠵᠤᠳ ᠠᠴᠠ ᠰᠡᠷᠭᠡᠶᠢᠯᠡᠬᠦ ᠪᠠ | ᠬᠥᠯᠳᠡᠵᠤ ᠬᠤᠬᠢᠷᠠᠬᠤ ᠠᠴᠠ ᠰᠡᠷᠭᠡᠶᠢᠯᠡᠬᠦ ᠠᠵᠢᠯ ᠢ ᠨᠠᠶᠢᠳᠠᠪᠤᠷᠢᠵᠢᠭᠤᠯᠬᠤ ᠭᠡᠷᠡᠭᠳᠡᠢ᠃ | ︵13︶ ᠮᠥᠰᠤ ᠴᠠᠰᠤ ᠲᠠᠢ ᠠᠭᠤᠷ ᠠᠮᠢᠰᠬᠤᠯ | ᠮᠥᠰᠥ ᠴᠠᠰᠤ ᠲᠠᠢ ᠠᠭᠤᠷ ᠠᠮᠢᠰᠬᠤᠯ ᠳᠤ ᠵᠠᠮ ᠮᠥᠷ ᠲᠤᠳᠤ ᠬᠠᠷᠠᠭᠳᠠᠬᠤ ᠥᠭᠡᠢ᠂ ᠵᠠᠮ ᠨᠦᠢᠳᠠᠨ ᠬᠥᠯᠢᠭᠡᠷ ᠪᠠᠶᠢᠳᠠᠭ ᠪᠤᠯᠬᠤᠷ ᠵᠠᠮ ᠶᠠᠪᠤᠬᠤ ᠳᠤ | ᠠᠶᠤᠯ ᠲᠠᠢ ᠲᠠᠯᠳᠠ ᠭᠡᠮ ᠤᠳ ᠤᠷᠤᠰᠢᠵᠤ᠂ ᠵᠠᠮ ᠬᠠᠷᠢᠯᠴᠠᠭ᠎ᠠ ᠶᠢᠨ ᠪᠠ ᠤᠢᠢᠴᠢᠵᠤ ᠰᠢᠷᠬᠠᠳᠤᠬᠤ ᠵᠡᠷᠭᠡ ᠠᠳᠡᠯ ᠬᠢᠯᠪᠠᠷ ᠭᠠᠷᠳᠠᠭ᠃ ᠮᠥᠰᠤ ᠴᠠᠰᠤᠨ ᠤ ᠪᠠᠴᠢᠮ | ᠪᠠᠶᠢᠳᠠᠯ ᠢ ᠠᠷᠭᠠᠴᠠᠬᠤ ᠳᠤ᠄ | ① ᠮᠠᠰᠢᠨᠳᠤ ᠪᠤᠰᠤ ᠲᠡᠷᠭᠡ ᠬᠥᠰᠭᠡ ᠶᠢᠨ ᠵᠢᠯᠤᠭᠤᠴᠢᠳ ᠲᠡᠷᠭᠡᠨ ᠤ ᠬᠥᠷᠳᠥᠨ ᠤ ᠭᠡᠢ ᠪᠠᠨ ᠪᠠᠭ᠎ᠠ ᠰᠢᠬ ᠲᠠᠯᠪᠢᠵᠤ᠂ ᠬᠥᠷᠳᠤ ᠬᠢᠭᠡᠳ ᠵᠠᠮ ᠤᠨ | ᠥᠷᠥᠯᠳᠡ ᠶᠢᠨ ᠬᠥᠴᠤ ᠶᠢ ᠨᠡᠮᠡᠭᠳᠡᠬᠦᠯᠬᠦ ᠭᠡᠷᠡᠭᠳᠡᠢ᠃ | ② ᠮᠥᠰᠥ ᠴᠠᠰᠤ ᠲᠠᠢ ᠠᠭᠤᠷ ᠠᠮᠢᠰᠬᠤᠯ ᠲᠠᠢ ᠥᠶ᠎ᠡ ᠳᠤ ᠲᠡᠷᠭᠡ ᠬᠥᠰᠭᠡ ᠵᠢᠯᠤᠭᠤᠳᠬᠤ ᠳᠠᠭᠠᠨ ᠲᠡᠷᠭᠡᠨ ᠤ ᠬᠤᠷᠳᠤᠴᠠ ᠶᠢ ᠨᠢ ᠬᠠᠰᠤᠵᠤ ᠠᠯᠭᠤᠷ | ᠶᠠᠪᠤᠭᠤᠯᠵᠤ᠂ ᠮᠤᠷᠦ᠋ᠢᠬᠤ ᠳᠠᠭᠠᠨ ᠤᠭᠵᠤᠮ ᠡᠷᠬᠢᠭ᠍ᠰᠡᠨ ᠠᠴᠠ ᠪᠤᠯᠵᠤ ᠬᠠᠵᠠᠭᠤ ᠲᠡᠰᠢ ᠪᠠᠨ ᠭᠤᠯᠭᠤᠬᠤ ᠠᠴᠠ ᠰᠡᠷᠭᠡᠶᠢᠯᠡᠵᠤ᠂ ᠲᠡᠷᠭᠡ ᠬᠥᠰᠭᠡ ᠪᠠᠨ ᠭᠡᠳᠤ ᠤᠭᠵᠤᠮ | ᠪᠥᠭᠡᠳ ᠭᠡᠳᠤ ᠲᠥᠷᠭᠡᠨ ᠵᠤᠭᠰᠤᠭᠠᠬᠤ ᠠᠴᠠ ᠬᠢᠴᠢᠶᠡᠨ᠎ᠡ᠃ | ③ ᠮᠥᠰᠤ ᠴᠠᠰᠤ ᠲᠠᠢ ᠵᠠᠮ ᠢᠶᠠᠷ ᠲᠡᠷᠭᠡ ᠶᠠᠪᠤᠭᠤᠯᠬᠤ ᠳᠠᠭᠠᠨ ᠭᠤᠯᠭᠤᠬᠤ ᠠᠴᠠ ᠰᠡᠷᠭᠡᠶᠢᠯᠡᠬᠦ ᠬᠢᠨᠵᠢ ᠤᠭᠰᠠᠷᠠᠭᠤᠯᠵᠤ᠂ ᠥᠡᠭᠭᠡᠳᠤ ᠰᠢᠯ ᠪᠤᠶᠤ ᠥᠡᠭᠭᠡ | ᠬᠤᠪᠢᠷᠠᠬᠤ ᠰᠢᠯ ᠵᠠᠭᠦᠨᠠ᠃ | ④ ᠶᠠᠪᠠᠭᠠᠨ ᠬᠥᠮᠥᠰ ᠬᠥᠬᠦᠷᠭᠡᠨ ᠤ ᠲᠤᠤᠭᠤᠷ᠂ ᠭᠡᠷ ᠪᠠᠶᠢᠰᠢᠩ ᠤᠨ ᠰᠠᠷᠠᠪᠴᠢᠨ ᠲᠤᠤᠭᠤᠷ ᠥᠡᠭᠭᠡᠷᠡᠬᠦ ᠳᠡᠭᠡᠨ ᠬᠤᠷᠳᠤᠨ ᠥᠡᠭᠭᠡᠷᠡᠬᠦ ᠪᠤᠶᠤ ᠲᠤᠭᠤᠷᠢᠨ | ᠭᠠᠷᠴᠤ᠂ ᠬᠥᠯᠳᠡᠵᠤ ᠨᠠᠭᠠᠯᠳᠤᠭᠰᠠᠨ ᠮᠥᠰᠤ ᠬᠠᠶᠢᠯᠵᠤ ᠤᠨᠠᠭᠠᠳ ᠰᠢᠷᠬᠠᠳᠤᠭᠤᠯᠬᠤ ᠠᠴᠠ ᠰᠡᠷᠭᠡᠶᠢᠯᠡᠨ᠎ᠡ᠃ | ⑤ ᠵᠠᠮ ᠲᠡᠭᠡᠷ᠎ᠡ ᠴᠠᠰᠤ ᠬᠠᠶᠢᠯᠤᠭᠤᠯᠬᠤ ᠡᠳ᠋ ᠰᠠᠴᠤᠵᠤ᠂ ᠴᠠᠰᠤ ᠬᠠᠶᠢᠯᠵᠤ ᠮᠥᠰᠥᠳᠥᠬᠦ ᠠᠴᠠ ᠰᠡᠷᠭᠡᠶᠢᠯᠡᠬᠦ ᠶᠢᠨ ᠬᠠᠮᠳᠤ᠂ ᠴᠠᠭ ᠲᠤᠬᠠᠢ ᠳᠤᠨᠢ ᠴᠠᠰᠤ | ᠶᠢ ᠱᠥᠬᠦᠷᠳᠡᠬᠦ ᠠᠵᠢᠯ ᠢᠶᠠᠨ ᠵᠤᠬᠢᠶᠠᠨ ᠪᠠᠶᠢᠭᠤᠯᠵᠤ ᠬᠢᠨ᠎ᠠ᠃ | ᠰᠠᠨᠠᠭᠤᠯᠬᠤ ᠨᠢ᠄ | ① ᠨᠠᠰᠤᠳᠠᠶᠢᠴᠤᠳ ᠪᠤᠯᠤᠨ ᠪᠡᠶ᠎ᠡ ᠪᠠᠭᠤᠷᠠᠢ ᠬᠥᠮᠥᠰ ᠭᠠᠳᠠᠭᠰᠢ ᠭᠠᠷᠬᠤ ᠪᠠᠨ ᠴᠦᠬᠡᠳᠭᠡᠨ᠎ᠡ᠃ | ② 50m ᠤᠨ ᠲᠤᠳᠤᠷ᠎ᠠ ᠯᠠ ᠥᠵᠡᠭᠳᠡᠴᠡ ᠲᠠᠢ ᠥᠶ᠎ᠡ ᠳᠤ᠂ ᠮᠠᠰᠢᠨ ᠲᠡᠷᠭᠡᠨ ᠤ ᠬᠠᠮᠤᠭ ᠥᠨᠳᠥᠷ ᠬᠤᠷᠳᠤᠴᠠ ᠪᠠᠨ ᠴᠠᠭ ᠪᠥᠷᠢ ᠳᠤ 30km | ᠠᠴᠠ ᠲᠠᠪᠠᠭᠤᠯᠵᠤ ᠪᠤᠯᠬᠤ ᠥᠭᠡᠢ ᠪᠥᠭᠡᠳ ᠲᠡᠷᠭᠡ ᠬᠥᠰᠭᠡᠨ ᠤ ᠬᠤᠭᠤᠷᠤᠨᠳᠤᠬᠢ ᠵᠠᠢ ᠪᠠᠨ ᠪᠠᠳᠤᠯᠠᠨ᠎ᠠ᠃ | ③ ᠵᠠᠮ ᠬᠠᠷᠢᠯᠴᠠᠭᠠᠨ ᠤ ᠠᠳᠡᠯ ᠭᠠᠷᠤᠭᠰᠠᠨ ᠤ ᠲᠠᠷᠠᠭ᠎ᠠ᠂ ᠠᠬᠤᠢ ᠲᠠᠯᠠᠪᠠᠢ ᠶᠢᠨ ᠠᠷᠤ ᠲᠠᠯ᠎ᠠ ᠪᠠᠷ ᠨᠢ ᠢᠯᠡ ᠲᠤᠳᠤᠷᠬᠠᠢ ᠲᠡᠮᠳᠡᠭ ᠲᠠᠯᠪᠢᠵᠤ᠂ ᠲᠡᠬᠢᠨᠳᠠ | ᠡ᠊ᠨᠳᠡᠯ ᠭᠠᠷᠬᠤ ᠠᠴᠠ ᠰᠡᠷᠭᠡᠶᠢᠯᠡᠨ᠎ᠡ᠃ | ︵14︶ ᠵᠠᠮ ᠤᠨ ᠮᠥᠰᠥᠳᠥᠯ | ᠵᠠᠮ ᠤᠨ ᠮᠥᠰᠥᠳᠥᠯ ᠢ ᠬᠤᠶᠠᠷ ᠵᠥᠢᠯ ᠳᠤ ᠬᠤᠪᠢᠶᠠᠳᠠᠭ᠃ ᠨᠢᠭᠡ ᠨᠢ ᠪᠤᠯ ᠴᠠᠰᠤ ᠤᠷᠤᠭᠰᠠᠨ ᠤ ᠲᠠᠷᠠᠭ᠎ᠠ ᠲᠡᠷᠡ ᠲᠡᠷᠦ᠋ᠢᠬᠠᠨ ᠴᠡᠷᠴᠠᠵᠤ ᠬᠥᠯᠳᠡᠭᠡᠳ | ᠵᠠᠮ ᠮᠥᠰᠥᠳᠥᠯ ᠲᠠᠢ ᠪᠤᠯᠤᠨ᠎ᠠ᠂ ᠨᠥᠬᠦᠭᠡ ᠨᠢ ᠪᠤᠯ ᠬᠤᠷᠠᠭᠰᠠᠨ ᠴᠠᠰᠤ ᠬᠠᠶᠢᠯᠵᠤ ᠡᠬᠢᠯᠡᠭᠰᠡᠨ ᠤ ᠲᠡᠷᠠᠭ᠎ᠠ᠂ ᠠᠭᠠᠷ ᠤᠨ ᠲᠤᠯᠠᠭᠠᠨ ᠪᠠᠭᠤᠷᠠᠭᠰᠠᠨ ᠠᠴᠠ ᠪᠤᠯᠵᠤ ᠵᠠᠮ | ᠮᠥᠰᠥᠳᠥᠯ ᠲᠠᠢ ᠪᠤᠯᠤᠨ᠎ᠠ᠃ ᠵᠠᠮ ᠤᠨ ᠮᠥᠰᠥᠳᠥᠯ ᠨᠢ ᠵᠠᠮ ᠬᠠᠷᠢᠯᠴᠠᠭᠠᠨ ᠤ ᠠᠳᠡᠯ ᠤᠨ ᠬᠠᠮᠤᠭ ᠤᠨ ᠠᠶᠤᠯ ᠲᠠᠢ ᠰᠢᠯᠳᠠᠭᠠᠨ ᠪᠤᠯᠵᠤ ᠪᠠᠶᠢᠨ᠎ᠠ᠃ ᠵᠠᠮ ᠤᠨ | ᠮᠥᠰᠥᠳᠥᠯ ᠤᠨ ᠪᠠᠴᠢᠮ ᠪᠠᠶᠢᠳᠠᠯ ᠢ ᠠᠷᠭᠠᠴᠠᠬᠤ ᠳᠤ᠄ | ① ᠮᠠᠰᠢᠨ ᠲᠡᠷᠭᠡᠨ ᠤ ᠵᠢᠯᠤᠭᠤᠴᠢᠳ ᠲᠡᠷᠭᠡᠨ ᠤ ᠬᠥᠷᠳᠥᠨ ᠤ ᠭᠡᠢ ᠪᠠᠨ ᠪᠠᠭ᠎ᠠ ᠰᠢᠬ ᠲᠠᠯᠪᠢᠵᠤ᠂ ᠬᠥᠷᠳᠤ ᠬᠢᠭᠡᠳ ᠭᠠᠵᠠᠷ ᠤᠨ ᠥᠷᠥᠯᠳᠡ ᠶᠢᠨ ᠬᠥᠴᠤ | ᠶᠢ ᠨᠡᠮᠡᠭᠳᠡᠭᠦᠯᠦᠨ᠂ ᠴᠢᠬᠤᠯᠠ ᠲᠠᠢ ᠥᠶ᠎ᠡ ᠳᠡᠭᠡᠨ ᠭᠤᠯᠭᠤᠬᠤ ᠠᠴᠠ ᠰᠡᠷᠭᠡᠶᠢᠯᠡᠬᠦ ᠭᠢᠨᠵᠢ ᠲᠠᠭᠠᠷᠠᠭᠤᠯᠤᠨ᠎ᠠ᠃ | ② ᠵᠠᠮ ᠬᠠᠷᠢᠯᠴᠠᠭ᠎ᠠ᠂ ᠲᠤᠳᠤᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠤᠳ ᠵᠠᠮ ᠤᠨ ᠲᠡᠷᠭᠡ ᠬᠥᠰᠭᠡ ᠶᠢ ᠵᠠᠬᠢᠷᠴᠤ ᠵᠢᠯᠤᠭᠤᠳᠤᠨ ᠲᠠᠭᠠᠭᠤᠯᠬᠤ | ᠪᠠᠨ ᠠᠩᠬᠠᠷᠬᠤ ᠭᠡᠷᠡᠭᠳᠡᠢ᠃ ᠴᠢᠬᠤᠯᠠ ᠲᠠᠢ ᠥᠶ᠎ᠡ ᠳᠤ ᠮᠥᠰᠥᠳᠥᠭᠰᠡᠨ ᠵᠠᠮ ᠢ ᠪᠢᠳᠡᠬᠦᠮᠵᠢᠯᠡᠨ ᠵᠠᠮ ᠬᠠᠷᠢᠯᠴᠠᠭ᠎ᠠ ᠶᠢ ᠵᠤᠭᠰᠤᠭᠠᠨ᠎ᠠ᠃ | ③ ᠮᠠᠰᠢᠨ ᠲᠡᠷᠭᠡᠨ ᠤ ᠵᠢᠯᠤᠭᠤᠴᠢᠳ ᠵᠠᠰᠠᠮᠠᠯ ᠵᠠᠮ ᠤᠨ ᠬᠠᠮᠢᠶᠠᠷᠤᠯᠳᠠ ᠶᠢᠨ ᠰᠠᠯᠠᠭ᠎ᠠ ᠮᠥᠴᠢᠷ ᠤᠨ ᠬᠢᠨ ᠤ ᠰᠤᠨᠢᠨ ᠮᠡᠳᠡᠭᠡᠨ ᠤ ᠵᠠᠭᠤᠴᠢᠯᠠᠭᠤᠷ ᠢᠶᠠᠷ | ᠲᠠᠮᠵᠢᠵᠤ ᠨᠡᠶᠢᠳᠡᠯᠡᠭᠰᠡᠨ ᠵᠠᠮ ᠤᠨ ᠮᠡᠳᠡᠭᠡ ᠵᠠᠩᠬᠢ ᠶᠢ ᠴᠠᠭ ᠢᠮᠠᠭᠳᠠ ᠠᠩᠬᠠᠷᠴᠤ ᠪᠠᠶᠢᠭᠠᠷᠠᠢ᠃ | ᠰᠠᠨᠠᠭᠤᠯᠬᠤ ᠨᠢ᠄ | ① ᠬᠥᠮᠥᠰ ᠭᠠᠳᠠᠭᠤᠷ ᠶᠠᠪᠤᠬᠤ ᠳᠠᠭᠠᠨ ᠬᠠᠯᠳᠤᠷᠢᠬᠤ ᠠᠴᠠ ᠰᠡᠷᠭᠡᠶᠢᠯᠡᠬᠦ ᠶᠢᠨ ᠲᠠᠭᠠᠤ ᠴᠢᠳᠠᠬᠤ ᠶᠢᠨ ᠲᠤᠳᠤᠷ᠎ᠠ ᠲᠤᠭᠤᠢ ᠲᠡᠷᠭᠡ ᠤᠨᠤᠬᠤ ᠥᠭᠡᠢ ᠪᠠᠶᠢᠪᠠᠯ | ᠵᠤᠬᠢᠨ᠎ᠠ᠃ | ② ᠵᠢᠯᠤᠭᠤᠴᠢᠳ ᠲᠡᠷᠭᠡ ᠬᠥᠰᠭᠡᠨ ᠳᠡᠭᠡᠨ ᠭᠤᠯᠭᠤᠬᠤ ᠠᠴᠠ ᠰᠡᠷᠭᠡᠶᠢᠯᠡᠬᠦ ᠠᠷᠭ᠎ᠠ ᠭᠡᠮᠵᠢᠶ᠎ᠡ ᠠᠪᠴᠤ᠂ ᠵᠢᠯᠤᠭᠤᠳᠤᠯᠭ᠎ᠠ ᠶᠢ ᠲᠠᠭᠠᠵᠤ ᠲᠡᠷᠭᠡ ᠬᠥᠰᠭᠡ ᠪᠠᠨ | ᠠᠯᠭᠤᠷ ᠵᠢᠯᠤᠭᠤᠳᠬᠤ ᠭᠡᠷᠡᠭᠳᠡᠢ᠃ | ③ 50m ᠤᠨ ᠲᠤᠳᠤᠷ᠎ᠠ ᠯᠠ ᠥᠵᠡᠭᠳᠡᠴᠡ ᠲᠠᠢ ᠥᠶ᠎ᠡ ᠳᠤ᠂ ᠮᠠᠰᠢᠨ ᠲᠡᠷᠭᠡ ᠵᠢᠯᠤᠭᠤᠳᠬᠤ ᠬᠤᠷᠳᠤᠴᠠ ᠪᠠᠨ ᠴᠠᠭ ᠪᠥᠷᠢ ᠳᠤ 30km ᠠᠴᠠ | ᠤᠳᠠᠭᠠᠨ ᠪᠠᠶᠢᠯᠭᠠᠬᠤ ᠶᠢᠨ ᠬᠠᠮᠳᠤ᠂ ᠲᠡᠷᠭᠡ ᠬᠥᠰᠭᠡᠨ ᠤ ᠬᠤᠭᠤᠷᠤᠨᠳᠤᠬᠢ ᠵᠠᠢ ᠪᠠᠨ ᠪᠠᠳᠤᠯᠠᠬᠤ ᠭᠡᠷᠡᠭᠳᠡᠢ᠃ | ︵15︶ ᠰᠢᠪᠠᠷ ᠴᠢᠯᠠᠭᠤᠨ ᠤ ᠤᠷᠤᠰᠬᠠᠯ | ᠰᠢᠪᠠᠷ ᠴᠢᠯᠠᠭᠤᠨ ᠤ ᠤᠷᠤᠰᠬᠠᠯ ᠭᠡᠳᠡᠭ ᠪᠤᠯ ᠠᠭᠤᠯᠠᠷᠬᠠᠭ ᠤᠷᠤᠨ ᠤ ᠭᠤᠤ ᠬᠠᠪᠴᠢᠯ ᠢᠶᠠᠷ ᠮᠥᠰᠥ ᠴᠠᠰᠤ ᠬᠠᠶᠢᠯᠬᠤ᠂ ᠰᠢᠷᠥᠬᠦᠨ ᠪᠤᠷᠤᠭᠠᠨ ᠤᠷᠤᠬᠤ᠂ | ᠥᠶᠡᠷᠯᠡᠬᠦ ᠪᠤᠶᠤ ᠭᠠᠵᠠᠷ ᠬᠥᠳᠡᠯᠥᠯᠳᠡ ᠠᠴᠠ ᠤᠰᠤᠨ ᠬᠠᠰᠢᠯᠭ᠎ᠠ ᠰᠡᠳᠡᠷᠡᠬᠦ ᠵᠡᠷᠭᠡ ᠠᠴᠠ ᠪᠤᠯᠵᠤ ᠶᠡᠭᠡ ᠭᠡᠮᠵᠢᠶᠡᠨ ᠤ ᠰᠢᠪᠠᠷ ᠰᠢᠷᠤᠢ ᠴᠢᠯᠠᠭᠤ ᠲᠠᠢ ᠥᠶᠡᠷ ᠤᠨ | ᠤᠷᠤᠰᠬᠠᠯ ᠢ ᠬᠡᠯᠡᠳᠡᠭ᠃ ᠰᠢᠪᠠᠷ ᠴᠢᠯᠠᠭᠤᠨ ᠤ ᠤᠷᠤᠰᠬᠠᠯ ᠢᠷᠡᠬᠦ ᠨᠢ ᠰᠢᠷᠥᠬᠦᠨ ᠮᠥᠷᠳᠡᠭᠡᠨ ᠥᠷᠬᠦᠯᠵᠢ ᠠᠭᠤᠯᠠᠨ ᠤ ᠪᠠᠯ ᠶᠡᠬᠦᠷᠡᠵᠤ ᠨᠤᠷᠠᠳᠠᠭ ᠲᠤᠯᠠ ᠲᠤᠤᠷ᠎ᠠ | ᠤᠷᠤᠰᠬᠠᠯ ᠬᠢᠭᠡᠳ ᠵᠠᠮ ᠲᠠᠭᠠᠤ ᠶᠢᠨ ᠪᠠᠯᠭᠠᠰᠤ ᠲᠤᠰᠬᠤᠨ᠂ ᠲᠡᠷᠢᠶᠠᠨ ᠭᠠᠵᠠᠷ᠂ ᠵᠠᠮ ᠬᠥᠬᠦᠷᠭᠡ ᠳᠤ ᠯᠤᠳᠤ ᠶᠡᠭᠡ ᠡᠪᠳᠡᠯᠡᠭᠡ ᠤᠴᠠᠷᠠᠭᠤᠯᠳᠠᠭ ᠶᠤᠮ᠃ ᠰᠢᠪᠠᠷ | ᠴᠢᠯᠠᠭᠤᠨ ᠤ ᠪᠠᠴᠢᠮ ᠪᠠᠶᠢᠳᠠᠯ ᠢ ᠠᠷᠭᠠᠴᠠᠬᠤ ᠳᠤ᠄ | ① ᠰᠢᠪᠠᠷ ᠴᠢᠯᠠᠭᠤᠨ ᠤ ᠤᠷᠤᠰᠬᠠᠯ ᠡᠬᠦᠰᠬᠦ ᠶᠢ ᠰᠡᠷᠡᠵᠤ ᠮᠡᠳᠡᠭᠰᠡᠨ ᠲᠠᠷᠤᠢ ᠳᠠᠭᠠᠨ ᠭᠠᠵᠠᠷ ᠤᠨ ᠪᠠᠶᠢᠳᠠᠯ ᠢ ᠠᠵᠢᠭᠯᠠᠵᠤ᠂ ᠭᠤᠤ ᠬᠠᠪᠴᠢᠯ ᠤᠨ ᠬᠤᠶᠠᠷ | ᠲᠠᠯ᠎ᠠ ᠶᠢᠨ ᠠᠭᠤᠯᠠᠨ ᠤᠷᠤᠢ ᠪᠤᠶᠤ ᠥᠨᠳᠥᠷ ᠭᠠᠵᠠᠷ ᠵᠥᠭ ᠵᠠᠶᠢᠯᠠᠬᠤ ᠭᠡᠷᠡᠭᠳᠡᠢ᠃ | ② ᠰᠢᠯᠵᠢᠵᠤ ᠵᠠᠶᠢᠯᠠᠬᠤ ᠳᠠᠭᠠᠨ ᠪᠡᠶ᠎ᠡ ᠳᠡᠭᠡᠨ ᠠᠪᠴᠤ ᠶᠠᠪᠤᠵᠦ ᠪᠠᠶᠢᠭ᠎ᠠ ᠬᠥᠶᠥᠬᠦ ᠶᠢ ᠨᠥᠯᠥᠭᠡᠯᠡᠵᠤ ᠮᠡᠳᠡᠬᠦ ᠠᠯᠢᠪᠠ ᠶᠠᠭᠤᠮᠠᠰ ᠢᠶᠠᠨ ᠬᠠᠶᠠᠨ᠎ᠠ᠃ | ③ ᠴᠢᠯᠠᠭᠤ ᠪᠥᠮᠪᠥᠷᠢᠵᠤ ᠪᠠᠭᠤᠬᠤ ᠪᠤᠶᠤ ᠶᠡᠭᠡ ᠭᠡᠮᠵᠢᠶᠡᠨ ᠤ ᠶᠠᠭᠤᠮ᠎ᠠ ᠭᠡᠥᠮᠡ ᠤᠪᠤᠭᠠᠷᠠᠭᠰᠠᠨ ᠡᠭ᠍ᠴᠡ ᠠᠭᠤᠯᠠᠨ ᠤ ᠪᠠᠯ ᠤᠨ ᠲᠤᠤᠷ᠎ᠠ ᠤᠴᠢᠵᠤ | ᠲᠡᠯᠳᠠᠯᠠᠵᠤ ᠪᠤᠯᠬᠤ ᠥᠭᠡᠢ᠃ | ④ ᠬᠤᠳᠤᠭᠤᠷ ᠭᠠᠵᠠᠷ ᠲᠤ ᠵᠤᠭᠰᠤᠵᠤ ᠬᠤᠷᠭᠤᠳᠠᠬᠤ ᠪᠠ ᠮᠤᠳᠤᠨ ᠲᠡᠭᠡᠷ᠎ᠡ ᠠᠪᠠᠷᠢᠨ ᠭᠠᠷᠴᠤ ᠲᠠᠯᠳᠠᠯᠠᠵᠤ ᠪᠤᠯᠬᠤ ᠥᠭᠡᠢ᠃ | ᠰᠠᠨᠠᠭᠤᠯᠬᠤ ᠨᠢ᠄ | ① ᠭᠡᠷ ᠪᠠᠶᠢᠰᠢᠩ ᠪᠠᠷᠢᠬᠤ ᠳᠠᠭᠠᠨ ᠲᠡᠭᠰᠢ ᠮᠥᠷᠳᠡᠭᠡᠨ ᠪᠠᠬᠢᠯᠢᠭ᠌ ᠠᠭᠤᠯᠠᠨ ᠬᠢᠷ᠎ᠡ ᠪᠤᠶᠤ ᠥᠨᠳᠥᠷ ᠭᠠᠵᠠᠷ ᠢ ᠰᠤᠩᠭᠤᠵᠤ᠂ ᠭᠤᠤᠯ ᠤᠨ ᠲᠡᠩ᠂ ᠭᠤᠤ | ᠬᠠᠪᠴᠢᠯ ᠵᠡᠷᠭᠡ ᠬᠤᠳᠤᠭᠤᠷ ᠭᠠᠵᠠᠷ ᠠᠴᠠ ᠬᠤᠯᠠ ᠪᠠᠷᠢᠬᠤ ᠭᠡᠷᠡᠭᠳᠡᠢ᠃ | ② ᠭᠤᠤᠯ ᠤᠨ ᠤᠷᠤᠰᠬᠠᠯ ᠭᠡᠨᠡᠳᠳᠡ ᠲᠠᠰᠤᠷᠠᠬᠤ ᠪᠤᠶᠤ ᠤᠰᠤᠨ ᠤ ᠤᠷᠤᠰᠬᠠᠯ ᠨᠢ ᠲᠥᠷᠭᠡᠨ ᠨᠡᠮᠡᠭᠳᠡᠵᠤ᠂ ᠤᠰᠤᠨ ᠲᠤᠳᠤᠷ᠎ᠠ ᠨᠡᠯᠢᠶᠡᠳ ᠶᠡᠭᠡ | ᠭᠡᠮᠵᠢᠶᠡᠨ ᠤ ᠮᠤᠳᠤ ᠡᠪᠡᠰᠤ ᠲᠠᠭᠠᠯᠳᠤᠨ ᠤᠷᠤᠰᠴᠤ᠂ ᠬᠥᠨ ᠬᠠᠪᠴᠢᠯ ᠪᠤᠶᠤ ᠭᠤᠤ ᠵᠢᠯᠠᠭ᠎ᠠ ᠪᠠᠷ ᠭᠠᠯᠳᠤ ᠲᠡᠷᠭᠡᠨ ᠤ ᠲᠠᠭᠤᠨ ᠪᠤᠶᠤ ᠪᠢᠳᠡᠬᠦᠥ ᠠᠶᠤᠩᠭ᠎ᠠ ᠮᠡᠳᠤ | ᠲᠠᠭᠤᠨ ᠭᠠᠷᠴᠤ᠂ ᠭᠤᠤ ᠬᠠᠪᠴᠢᠯ ᠤᠨ ᠬᠥᠨ ᠳᠤ ᠬᠡᠨᠡᠳᠳᠡ ᠬᠠᠷᠠᠩᠭᠤᠢᠢᠯᠠᠵᠤ᠂ ᠬᠥᠡᠭᠭᠡᠪᠳᠥᠷ ᠲᠤᠷᠬᠢᠬᠤ ᠪᠠᠶᠢᠳᠠᠯ ᠡᠬᠦᠰᠬᠦ ᠵᠡᠷᠭᠡ ᠨᠢ ᠴᠥᠮ ᠰᠢᠪᠠᠷ ᠴᠢᠯᠠᠭᠤᠨ ᠤ | ᠤᠷᠤᠰᠬᠠᠯ ᠡᠬᠦᠰᠬᠦ ᠶᠢᠨ ᠲᠡᠮᠳᠡᠭ ᠮᠥᠨ᠃ | ③ ᠠᠭᠤᠯᠠᠷᠬᠠᠬ ᠤᠷᠤᠨ ᠳᠤ ᠵᠤᠭᠠᠴᠠᠨ ᠨᠠᠭᠠᠳᠬᠤ ᠳᠠᠭᠠᠨ ᠲᠡᠭᠰᠢᠭᠡᠨ ᠥᠨᠳᠥᠷ ᠭᠠᠵᠠᠷ ᠢ ᠰᠤᠩᠭᠤᠨ ᠪᠠᠭᠤᠳᠠᠯᠯᠠᠵᠤ᠂ ᠬᠤᠳᠤᠭᠤᠷ ᠡᠷᠬᠢ ᠪᠤᠶᠤ | ᠢᠪᠴᠤᠬᠠᠨ ᠥᠨᠳᠥᠷ ᠡᠷᠬᠢ ᠠᠴᠠ ᠵᠠᠶᠢᠳᠠᠭᠤ ᠪᠠᠶᠢᠬᠤ ᠶᠢ ᠠᠩᠬᠠᠷᠤᠨ᠎ᠠ᠃ | ④ ᠬᠠᠪᠴᠢᠯ ᠲᠤᠳᠤᠷ᠎ᠠ ᠪᠤᠶᠤ ᠭᠤᠤ ᠵᠢᠯᠠᠭ᠎ᠠ ᠲᠤᠳᠤᠷ᠎ᠠ ᠪᠠᠭᠤᠳᠠᠯᠯᠠᠬᠤ ᠶᠢ ᠡᠷᠡᠰ ᠴᠡᠭᠡᠷᠯᠡᠬᠦ ᠭᠡᠷᠡᠭᠳᠡᠢ᠃ ᠤᠷᠳᠤ ᠬᠤᠭᠤᠴᠠᠭ᠎ᠠ ᠪᠠᠷ ᠪᠤᠷᠤᠭᠠᠨ ᠤᠷᠤᠬᠤ | ᠪᠤᠶᠤ ᠰᠢᠷᠥᠬᠦᠨ ᠪᠤᠷᠤᠭᠠᠨ ᠤᠷᠤᠭᠰᠠᠨ ᠥᠶ᠎ᠡ ᠳᠤ ᠰᠢᠪᠠᠷ ᠴᠢᠯᠠᠭᠤᠨ ᠤ ᠤᠷᠤᠰᠬᠠᠯ ᠡᠬᠦᠰᠬᠦ ᠠᠴᠠ ᠰᠡᠷᠭᠡᠶᠢᠯᠡᠨ᠎ᠡ᠃ | ⑤ ᠰᠢᠷᠥᠬᠦᠨ ᠪᠤᠷᠤᠭᠠᠨ ᠠᠭᠠᠵᠢᠮ ᠢᠶᠠᠷ ᠪᠠᠭᠠᠰᠬᠤ ᠪᠤᠶᠤ ᠤᠷᠳᠤ ᠬᠤᠭᠤᠴᠠᠭ᠎ᠠ ᠪᠠᠷ ᠤᠷᠤᠭᠰᠠᠨ ᠪᠤᠷᠤᠭᠠᠨ ᠤ ᠲᠠᠷᠠᠭ᠎ᠠ ᠠᠶᠤᠯ ᠲᠥᠭᠰᠢᠬᠦᠷᠢᠳᠡᠢ ᠭᠠᠵᠠᠷ | ᠲᠤ ᠲᠠᠷᠦ᠋ᠢᠬᠠᠨ ᠪᠤᠴᠠᠵᠤ ᠪᠤᠯᠬᠤ ᠥᠭᠡᠢ᠃ | ︵16︶ ᠭᠠᠵᠠᠷ ᠬᠥᠳᠡᠯᠥᠯᠳᠡ | ᠭᠠᠵᠠᠷ ᠬᠥᠳᠡᠯᠥᠯᠳᠡ ᠭᠡᠳᠡᠭ ᠪᠤᠯ ᠭᠠᠵᠠᠷ ᠤᠨ ᠪᠥᠮᠪᠥᠷᠴᠡᠭ ᠤᠨ ᠲᠤᠳᠤᠭᠠᠳᠤ ᠳᠠᠬᠢ ᠪᠤᠳᠠᠰ ᠲᠠᠰᠤᠷᠠᠯᠳᠠ ᠥᠭᠡᠢ ᠬᠥᠳᠡᠯᠥᠨ ᠬᠤᠪᠢᠷᠠᠵᠤ᠂ ᠠᠭᠠᠵᠢᠮ ᠢᠶᠠᠷ | ᠬᠤᠷᠠᠮᠳᠤᠭᠰᠠᠨ ᠡᠨᠧᠷᠬᠢ ᠶᠢᠨ ᠬᠡᠮᠵᠢᠶ᠎ᠡ ᠨᠢ ᠬᠠᠳᠠᠨ ᠲᠠᠪᠬᠤᠷᠭ᠎ᠠ ᠶᠢ ᠡᠪᠳᠡᠭᠰᠡᠨ ᠪᠤᠶᠤ ᠵᠥᠷᠢᠯᠳᠥᠭᠰᠡᠨ ᠠᠴᠠ ᠪᠤᠯᠤᠭᠰᠠᠨ ᠬᠥᠴᠥᠷᠭᠡᠭ ᠲᠤᠯᠬᠢᠰᠤᠯᠳᠠ ᠪᠤᠯᠤᠨ᠎ᠠ᠃ 365赢多少钱会被限额_国内有真正的365平台吗_365bet博彩官网 | ᠭᠠᠵᠠᠷ ᠬᠥᠳᠡᠯᠥᠯᠳᠡ ᠨᠢ ᠭᠤᠤᠯᠳᠠᠭᠤ ᠭᠡᠷ ᠪᠠᠷᠢᠯᠭ᠎ᠠ ᠨᠤᠷᠠᠬᠤ ᠵᠢᠴᠢ ᠭᠠᠵᠠᠷ ᠬᠥᠳᠡᠯᠥᠯᠳᠡ ᠠᠴᠠ ᠭᠠᠯ ᠲᠥᠢᠮᠡᠷ ᠤᠨ ᠠᠶᠤᠯ᠂ ᠥᠶᠡᠷ ᠤᠰᠤᠨ ᠤ ᠠᠶᠤᠯ᠂ ᠰᠢᠪᠠᠷ | ᠴᠢᠯᠠᠭᠤᠨ ᠤ ᠤᠷᠤᠰᠬᠠᠯ᠂ ᠬᠢᠵᠢᠭ ᠡᠪᠡᠳᠴᠢᠨ ᠵᠡᠷᠭᠡ ᠶᠢ ᠡᠬᠦᠰᠭᠡᠵᠤ᠂ ᠬᠥᠮᠥᠨ ᠲᠥᠷᠥᠯᠬᠢᠳᠡᠨ ᠳᠤ ᠥᠬᠦᠵᠤ ᠰᠢᠷᠬᠠᠳᠤᠬᠤ ᠵᠢᠴᠢ ᠠᠵᠤ ᠠᠬᠤᠢ ᠡᠳ᠋ ᠬᠥᠷᠥᠩᠭᠡ | ᠶᠢᠨ ᠬᠤᠬᠢᠷᠠᠯ ᠢ ᠠᠪᠴᠢᠷᠠᠳᠠᠭ ᠶᠤᠮ᠃ ᠭᠠᠵᠠᠷ ᠬᠥᠳᠡᠯᠥᠯᠳᠡ ᠶᠢᠨ ᠪᠠᠴᠢᠮ ᠪᠠᠶᠢᠳᠠᠯ ᠢ ᠠᠷᠭᠠᠴᠠᠬᠤ ᠳᠤ᠄ | ① ᠭᠠᠵᠠᠷ ᠬᠥᠳᠡᠯᠥᠯᠳᠡ ᠡᠬᠦᠰᠬᠦ ᠥᠶ᠎ᠡ ᠳᠤ ᠲᠡᠷᠡ ᠲᠡᠷᠦ᠋ᠢᠬᠠᠨ ᠤᠢᠢᠷ᠎ᠠ ᠬᠠᠪᠢ ᠳᠠᠭᠠᠨ ᠲᠠᠯᠳᠠᠯᠠᠬᠤ ᠪᠤᠶᠤ ᠠᠶᠤᠯ ᠲᠥᠭᠰᠢᠬᠦᠷᠢ ᠥᠭᠡᠢ ᠭᠠᠵᠠᠷ ᠲᠤ | ᠰᠢᠯᠵᠢᠵᠤ ᠤᠴᠢᠬᠤ ᠭᠡᠷᠡᠭᠳᠡᠢ᠃ ᠬᠤᠪᠴᠠᠰᠤ ᠡᠮᠥᠰᠬᠦ ᠪᠤᠶᠤ ᠡᠳ᠋ ᠮᠥᠡᠭᠬᠦ ᠡᠷᠢᠬᠦ ᠰᠢᠯᠳᠠᠭᠠᠨ ᠢᠶᠠᠷ ᠴᠠᠭ ᠢ ᠰᠠᠭᠠᠳᠠᠭᠠᠵᠤ ᠪᠤᠯᠬᠤ ᠥᠭᠡᠢ᠃ ᠭᠠᠯ᠂ ᠴᠠᠬᠢᠯᠭᠠᠨ᠂ | ᠨᠡᠬᠦᠷᠡᠰᠥᠨ ᠭᠡᠢ ᠶᠢᠨ ᠤᠢᠢᠷᠠᠯᠴᠠᠭ᠎ᠠ ᠪᠠᠶᠢᠭ᠎ᠠ ᠪᠤᠯ ᠥᠳᠳᠡᠷ ᠲᠥᠷᠭᠡᠨ ᠢᠶᠠᠷ ᠤᠨᠳᠠᠷᠠᠭᠠᠵᠤ ᠬᠠᠭᠠᠬᠤ ᠭᠡᠷᠡᠭᠳᠡᠢ᠃ | ② ᠠᠰᠠᠷ ᠲᠤᠳᠤᠷ᠎ᠠ ᠪᠠᠶᠢᠭᠰᠠᠨ ᠪᠤᠯ ᠭᠠᠳᠠᠷ ᠭᠡᠷᠡᠮ ᠪᠤᠶᠤ ᠴᠤᠩᠬᠤ ᠡᠬᠦᠳᠡᠨ ᠠᠴᠠ ᠥᠳᠳᠡᠷ ᠲᠥᠷᠭᠡᠨ ᠢᠶᠠᠷ ᠵᠠᠶᠢᠯᠠᠵᠤ᠂ ᠬᠤᠭᠤᠯᠠᠨ ᠭᠡᠷ᠂ ᠵᠤᠷᠯᠤᠩ | ᠪᠤᠯᠤᠨ ᠪᠡᠶ᠎ᠡ ᠤᠬᠢᠶᠠᠬᠤ ᠲᠠᠰᠤᠯᠭ᠎ᠠ ᠵᠡᠷᠭᠡ ᠵᠠᠢ ᠪᠠᠭ᠎ᠠ ᠲᠠᠢ ᠭᠡᠷ ᠲᠤ ᠲᠠᠯᠳᠠᠯᠠᠬᠤ ᠭᠡᠷᠡᠭᠳᠡᠢ᠂ ᠮᠥᠨ ᠴᠤ ᠭᠡᠷᠡᠮ ᠤᠨ ᠪᠤᠯᠤᠩ᠂ ᠭᠡᠷ ᠤᠨ ᠠᠪᠳᠠᠷ᠎ᠠ ᠬᠤᠷᠭᠤ ᠶᠢᠨ | ᠬᠠᠵᠠᠭᠤ ᠬᠠᠪᠢ ᠵᠡᠷᠭᠡ ᠭᠤᠷᠪᠠᠯᠵᠢᠨ ᠥᠨᠴᠥᠭ ᠲᠠᠢ ᠭᠠᠵᠠᠷ ᠲᠤ ᠲᠠᠯᠳᠠᠯᠠᠵᠤ ᠪᠤᠯᠤᠨ᠎ᠠ᠃ ᠭᠠᠵᠠᠷ ᠬᠥᠳᠡᠯᠥᠭᠰᠡᠨ ᠤ ᠲᠠᠷᠠᠭ᠎ᠠ ᠵᠢᠭᠤᠳᠠᠵᠤ ᠵᠠᠶᠢᠯᠠᠬᠤ ᠳᠠᠭᠠᠨ | ᠴᠠᠬᠢᠯᠭᠠᠨ ᠱᠠᠳᠤ ᠶᠢ ᠭᠡᠷᠡᠭᠯᠡᠵᠤ ᠪᠤᠯᠬᠤ ᠥᠭᠡᠢ᠂ ᠭᠡᠷᠪᠡ ᠭᠠᠵᠠᠷ ᠬᠥᠳᠡᠯᠵᠤ ᠪᠠᠶᠢᠭ᠎ᠠ ᠥᠶ᠎ᠡ ᠳᠤ ᠴᠠᠬᠢᠯᠭᠠᠨ ᠱᠠᠳᠤᠨ ᠲᠤᠳᠤᠷ᠎ᠠ ᠪᠠᠶᠢᠭᠰᠠᠨ ᠪᠤᠯ ᠥᠳᠳᠡᠷ ᠲᠥᠷᠭᠡᠨ | ᠵᠠᠶᠢᠯᠠᠬᠤ ᠭᠡᠷᠡᠭᠳᠡᠢ᠃ ᠭᠤᠷᠪᠠᠨ ᠲᠠᠪᠬᠤᠷᠭ᠎ᠠ ᠠᠴᠠ ᠲᠡᠭᠡᠭᠰᠢ ᠥᠨᠳᠥᠷ ᠠᠰᠠᠷ ᠲᠠᠬᠢ ᠬᠥᠮᠥᠰ ᠠᠰᠠᠷ ᠬᠠᠷᠠᠶᠢᠵᠤ ᠪᠤᠯᠬᠤ ᠥᠭᠡᠢ᠃ | ③ ᠰᠢᠪᠠᠷ ᠪᠠᠶᠢᠰᠢᠩ ᠳᠤ ᠪᠠᠶᠢᠭᠰᠠᠨ ᠪᠤᠯ ᠭᠡᠷ ᠤᠨ ᠭᠠᠳᠠᠨᠠᠬᠢ ᠥᠷᠭᠡᠨ ᠠᠭᠤᠵᠢᠮ ᠭᠠᠵᠠᠷ ᠲᠠᠯᠠᠪᠠᠢ ᠳᠤ ᠥᠳᠳᠡᠷ ᠲᠥᠷᠭᠡᠨ ᠬᠥᠶᠥᠵᠤ ᠭᠠᠷᠬᠤ | ᠭᠡᠷᠡᠭᠳᠡᠢ᠃ ᠬᠥᠶᠥᠨ ᠭᠠᠷᠴᠤ ᠠᠮᠵᠢᠬᠤ ᠥᠭᠡᠢ ᠪᠤᠯ ᠬᠠᠳᠠᠭᠤ ᠪᠠᠬᠢ ᠤᠷᠤ ᠶᠢᠨ ᠲᠤᠤᠷ᠎ᠠ᠂ ᠰᠢᠷᠡᠭᠡᠨ ᠤ ᠲᠤᠤᠷ᠎ᠠ᠂ ᠠᠪᠳᠠᠷ᠎ᠠ ᠬᠤᠷᠭᠤ ᠶᠢᠨ ᠬᠠᠵᠠᠭᠤ ᠳᠤ | ᠲᠠᠯᠳᠠᠯᠠᠵᠤ᠂ ᠲᠡᠷᠡ ᠪᠤᠶᠤ ᠭᠠᠷ ᠢᠶᠠᠷ ᠢᠶᠠᠨ ᠲᠤᠯᠤᠭᠠᠢ ᠪᠠᠨ ᠬᠠᠮᠠᠭᠠᠯᠠᠬᠤ ᠶᠢᠨ ᠲᠠᠭᠠᠤ᠂ ᠠᠯᠴᠢᠭᠤᠷ ᠪᠤᠶᠤ ᠬᠤᠪᠴᠠᠰᠤ ᠪᠠᠷ ᠢᠶᠠᠨ ᠠᠮᠠ ᠬᠠᠮᠠᠷ ᠢᠶᠠᠨ ᠪᠥᠭᠯᠡᠵᠤ᠂ | ᠤᠳᠤᠭ᠎ᠠ ᠲᠤᠭᠤᠰᠤ ᠠᠴᠠ ᠰᠡᠷᠭᠡᠶᠢᠯᠡᠨ᠎ᠡ᠃ | ④ ᠬᠤᠳᠠᠯᠳᠤᠭᠠᠨ ᠤ ᠲᠠᠯᠠᠪᠠᠢ᠂ ᠺᠢᠨᠤ᠋ ᠶᠢᠨ ᠤᠷᠳᠤᠨ᠂ ᠲᠡᠷᠭᠡᠨ ᠤ ᠥᠷᠳᠡᠭᠡ ᠵᠡᠷᠭᠡ ᠤᠯᠠᠨ ᠨᠡᠶᠢᠳᠡ ᠶᠢᠨ ᠭᠠᠵᠠᠷ ᠲᠠᠯᠠᠪᠠᠢ ᠳᠤ ᠪᠠᠶᠢᠭ᠎ᠠ ᠪᠤᠯ ᠥᠳᠳᠡᠷ | ᠲᠥᠷᠭᠡᠨ ᠢᠶᠠᠷ ᠲᠤᠯᠤᠭᠠᠢ ᠲᠡᠷᠢᠬᠦᠨ ᠢᠶᠠᠨ ᠬᠠᠮᠠᠭᠠᠯᠠᠵᠤ᠂ ᠤᠢᠢᠷᠠᠯᠴᠠᠭ᠎ᠠ ᠪᠠᠶᠢᠭ᠎ᠠ ᠬᠠᠳᠠᠭᠤ ᠪᠠᠬᠢᠯᠢᠭ᠌ ᠠᠪᠳᠠᠷ᠎ᠠ ᠬᠤᠷᠭᠤ᠂ ᠰᠠᠨᠳᠠᠯᠢ ᠰᠢᠷᠡᠭᠡ ᠪᠤᠶᠤ ᠲᠤᠯᠭᠠᠭᠤᠷᠢ ᠶᠢᠨ | ᠬᠠᠵᠠᠭᠤ ᠳᠤ ᠲᠠᠯᠳᠠᠯᠠᠵᠤ᠂ ᠰᠢᠯᠤᠨ ᠴᠤᠩᠬᠤ᠂ ᠰᠢᠯᠤᠨ ᠬᠤᠷᠭᠤ᠂ ᠡᠯᠬᠦᠬᠦᠷ ᠳ᠋ᠧᠩ ᠠᠴᠠ ᠵᠠᠶᠢᠯᠠᠵᠤ᠂ ᠬᠥᠮᠥᠰ ᠢ ᠲᠠᠭᠠᠨ ᠠᠰᠠᠷ ᠤᠨ ᠱᠠᠳᠤᠨ ᠳᠤ ᠴᠢᠬᠢᠯᠳᠥᠬᠦ | ᠠᠴᠠ ᠰᠡᠷᠭᠡᠶᠢᠯᠡᠬᠦ ᠭᠡᠷᠡᠭᠳᠡᠢ᠃ ᠠᠩᠬᠢ ᠶᠢᠨ ᠭᠡᠷ ᠲᠤ ᠪᠤᠯ ᠪᠢᠴᠢᠭ ᠤᠨ ᠪᠤᠭᠴᠤ ᠪᠠᠷ ᠢᠶᠠᠨ ᠲᠤᠯᠤᠭᠠᠢ ᠲᠡᠷᠢᠬᠦᠨ ᠢᠶᠠᠨ ᠬᠠᠮᠠᠭᠠᠯᠠᠵᠤ᠂ ᠠᠮᠠ ᠬᠠᠮᠠᠷ ᠢᠶᠠᠨ ᠪᠢᠳᠡᠬᠦᠯᠡᠨ | ᠂ ᠰᠢᠷᠡᠭᠡᠨ ᠤ ᠲᠤᠤᠷ᠎ᠠ ᠪᠤᠶᠤ ᠬᠠᠵᠠᠭᠤ ᠳᠤᠨᠢ ᠲᠠᠯᠳᠠᠯᠠᠵᠤ᠂ ᠭᠠᠵᠠᠷ ᠬᠥᠳᠡᠯᠥᠯᠳᠡ ᠲᠠᠭᠤᠰᠤᠭᠰᠠᠨ ᠤ ᠲᠠᠷᠠᠭ᠎ᠠ ᠪᠠᠭᠰᠢ ᠶᠢᠨ ᠵᠢᠯᠤᠭᠤᠳᠤᠯᠭ᠎ᠠ ᠪᠠᠷ ᠡᠮᠬᠢ ᠲᠢᠭᠯᠢᠮ ᠲᠠᠢ | ᠪᠠᠷ ᠵᠠᠶᠢᠯᠠᠬᠤ ᠭᠡᠷᠡᠭᠳᠡᠢ᠃ | ⑤ ᠬᠤᠳᠠ ᠶᠢᠨ ᠵᠡᠭᠡᠯᠢ ᠭᠤᠳᠤᠮᠵᠢ ᠳᠤ ᠶᠠᠪᠤᠵᠤ ᠪᠠᠶᠢᠭᠰᠠᠨ ᠪᠤᠯ ᠥᠳᠳᠡᠷ ᠲᠥᠷᠭᠡᠨ ᠢᠶᠠᠷ ᠠᠭᠤᠳᠠᠮ ᠲᠠᠯᠠᠪᠠᠢ ᠳᠤ ᠤᠴᠢᠵᠤ᠂ ᠥᠨᠳᠥᠷ ᠲᠤᠮᠤ | ᠪᠠᠷᠢᠯᠭ᠎ᠠ ᠠᠴᠠ ᠵᠠᠶᠢᠳᠠᠢ ᠪᠠᠶᠢᠵᠤ᠂ ᠵᠠᠷ ᠤᠨ ᠫᠠᠶᠢᠰᠠ᠂ ᠬᠥᠴᠥᠳᠡᠯ ᠥᠭᠡᠷᠡᠴᠢᠯᠡᠭᠴᠢ᠂ ᠴᠠᠬᠢᠯᠭᠠᠨ ᠤᠳᠠᠰᠤᠨ ᠤ ᠪᠠᠭᠠᠨ᠎ᠠ᠂ ᠵᠠᠮ ᠤᠨ ᠳ᠋ᠧᠩ ᠵᠡᠷᠭᠡ ᠠᠶᠤᠯ ᠲᠠᠢ | ᠶᠠᠭᠤᠮ᠎ᠠ ᠠᠴᠠ ᠵᠠᠶᠢᠳᠠᠢ ᠪᠠᠶᠢᠬᠤ ᠭᠡᠷᠡᠭᠳᠡᠢ᠃ | ⑥ ᠬᠥᠳᠡᠭᠡ ᠭᠠᠳᠠᠨ᠎ᠠ ᠪᠠᠶᠢᠭᠰᠠᠨ ᠪᠤᠯ ᠡᠭ᠍ᠴᠡ ᠥᠨᠳᠥᠷ ᠠᠭᠤᠯᠠᠨ ᠤ ᠬᠢᠷ᠎ᠠ ᠪᠤᠶᠤ ᠠᠰᠬ᠎ᠠ ᠬᠠᠳᠠᠨ ᠠᠴᠠ ᠥᠳᠳᠡᠷ ᠲᠥᠷᠭᠡᠨ ᠢᠶᠠᠷ ᠵᠠᠶᠢᠳᠠᠬᠤ ᠭᠡᠷᠡᠭᠳᠡᠢ᠃ | ᠴᠢᠯᠠᠭᠤ ᠪᠥᠮᠪᠥᠷᠢᠬᠦ᠂ ᠠᠭᠤᠯᠠᠨ ᠭᠢᠷ᠎ᠠ ᠶᠡᠬᠦᠷᠡᠬᠦ ᠪᠠ ᠰᠢᠪᠠᠷ ᠴᠢᠯᠠᠭᠤᠨ ᠤ ᠤᠷᠤᠰᠬᠠᠯ ᠠᠴᠠ ᠰᠡᠷᠭᠡᠶᠢᠯᠡᠵᠤ᠂ ᠠᠭᠤᠯᠠ ᠶᠡᠬᠦᠷᠡᠭᠰᠡᠨ ᠪᠤᠯ ᠴᠢᠯᠠᠭᠤ ᠪᠥᠮᠪᠥᠷᠢᠵᠤ | ᠮᠡᠳᠡᠬᠦ ᠡᠭ᠍ᠴᠡ ᠴᠢᠭᠯᠡᠯ ᠤᠨ ᠬᠤᠶᠠᠷ ᠲᠠᠯ᠎ᠠ ᠲᠡᠰᠢ ᠵᠢᠭᠤᠳᠠᠬᠤ ᠭᠡᠷᠡᠭᠳᠡᠢ᠃ ᠲᠡᠷᠭᠡ ᠬᠥᠰᠭᠡ ᠪᠠᠨ ᠵᠦᠷᠢᠯᠢᠭ ᠬᠥᠬᠦᠷᠭᠡ᠂ ᠥᠨᠳᠥᠷ ᠬᠥᠬᠦᠷᠭᠡ᠂ ᠠᠭᠤᠯᠠᠨ ᠤ ᠵᠠᠮ | ᠵᠡᠷᠭᠡ ᠠᠶᠤᠯ ᠲᠥᠭᠰᠢᠬᠦᠷᠢᠳᠡᠢ ᠭᠠᠵᠠᠷ ᠠᠴᠠ ᠥᠳᠳᠡᠷ ᠲᠥᠷᠭᠡᠨ ᠵᠢᠯᠤᠭᠤᠳᠤᠨ ᠵᠠᠶᠢᠯᠠᠭᠤᠯᠵᠤ᠂ ᠠᠭᠤᠵᠢᠮ ᠭᠠᠵᠠᠷ ᠲᠤ ᠵᠤᠭᠰᠤᠬᠤ ᠭᠡᠷᠡᠭᠳᠡᠢ᠃ ᠲᠡᠷᠭᠡᠨ ᠲᠤᠳᠤᠷ᠎ᠠ | ᠪᠠᠶᠢᠭ᠎ᠠ ᠠᠶᠠᠨᠴᠢᠳ ᠪᠠᠷᠢᠭᠤᠯ ᠠᠴᠠ ᠴᠢᠩᠭ᠎ᠠ ᠠᠳᠬᠤᠨ᠂ ᠪᠡᠶ᠎ᠡ ᠪᠠᠨ ᠲᠡᠩᠴᠡᠬᠦᠨ ᠪᠠᠶᠢᠯᠭᠠᠵᠤ᠂ ᠲᠡᠷᠭᠡᠨ ᠠᠴᠠ ᠥᠰᠥᠷᠴᠤ ᠪᠠᠭᠤᠬᠤ ᠶᠢ ᠡᠷᠡᠰ ᠴᠡᠭᠡᠷᠯᠡᠵᠤ᠂ ᠲᠡᠷᠭᠡ | ᠬᠥᠰᠭᠡ ᠶᠢᠨ ᠯᠠᠪᠳᠠᠭᠤᠨ ᠵᠤᠭᠰᠤᠭᠰᠠᠨ ᠤ ᠲᠠᠷᠠᠭ᠎ᠠ ᠠᠭᠤᠵᠢᠮ ᠭᠠᠵᠠᠷ ᠲᠤ ᠥᠳᠳᠡᠷ ᠲᠥᠷᠭᠡᠨ ᠢᠶᠠᠷ ᠰᠢᠯᠵᠢᠬᠦ ᠭᠡᠷᠡᠭᠳᠡᠢ᠃ | ⑦ ᠭᠠᠵᠠᠷ ᠬᠥᠳᠡᠯᠥᠭᠡᠳ ᠪᠡᠶ᠎ᠡ ᠮᠠᠬᠠᠪᠤᠳ ᠪᠤᠯᠠᠭᠳᠠᠭᠰᠠᠨ ᠪᠤᠯ ᠰᠠᠨᠠᠭ᠎ᠠ ᠰᠡᠳᠬᠢᠯ ᠢᠶᠠᠨ ᠲᠤᠭᠳᠠᠭᠤᠨ ᠪᠠᠶᠢᠯᠭᠠᠵᠤ᠂ ᠥᠪᠡᠷ ᠢ ᠪᠠᠨ ᠠᠪᠤᠷᠠᠬᠤ ᠠᠷᠭ᠎ᠠ | ᠡᠷᠢᠵᠤ᠂ ᠪᠡᠶ᠎ᠡ ᠲᠡᠭᠡᠷᠡᠬᠢ ᠲᠠᠷᠤᠭᠰᠠᠨ ᠶᠠᠭᠤᠮᠠᠰ ᠢ ᠴᠢᠳᠠᠬᠤ ᠶᠢᠨ ᠲᠤᠳᠤᠷ᠎ᠠ ᠵᠠᠶᠢᠯᠠᠭᠤᠯᠵᠤ᠂ ᠤᠨᠠᠵᠤ ᠮᠡᠳᠡᠬᠦ ᠭᠡᠪᠡᠷᠡᠭ ᠶᠠᠭᠤᠮᠠᠰ ᠠᠴᠠ ᠬᠤᠯᠠ ᠪᠠᠶᠢᠵᠤ᠂ ᠠᠮᠤᠷ | ᠲᠥᠪᠰᠢᠨ ᠤᠷᠤᠨ ᠵᠠᠢ ᠪᠠᠨ ᠶᠡᠭᠡᠰᠭᠡᠬᠦ ᠭᠡᠷᠡᠭᠳᠡᠢ᠃ ᠥᠪᠡᠷ ᠢ ᠪᠠᠨ ᠠᠪᠤᠷᠠᠵᠤ ᠲᠡᠶᠢᠯᠬᠦ ᠥᠭᠡᠢ ᠪᠤᠯ ᠲᠡᠷᠦ᠋ᠢᠬᠠᠨ ᠶᠡᠭᠡ ᠲᠠᠭᠤ ᠪᠠᠷ ᠠᠪᠤᠷᠠᠯᠳᠠ ᠬᠥᠰᠡᠬᠦ ᠪᠠ | ᠬᠥᠴᠥᠳᠡᠢ ᠬᠥᠳᠡᠯᠵᠤ ᠪᠤᠯᠬᠤ ᠥᠭᠡᠢ᠂ ᠬᠠᠷᠢᠨ ᠬᠥᠴᠤ ᠲᠡᠮᠢᠷ ᠢᠶᠠᠨ ᠬᠠᠳᠠᠭᠠᠯᠠᠵᠤ᠂ ᠠᠪᠤᠷᠠᠨ ᠲᠡᠳᠬᠦᠬᠦ ᠬᠥᠮᠥᠰ ᠤᠨ ᠴᠢᠮᠡᠭᠡ ᠶᠢ ᠠᠩᠬᠠᠷᠤᠨ ᠬᠥᠯᠢᠶᠡᠵᠤ᠂ ᠲᠤᠬᠠᠢ | ᠶᠢᠨ ᠥᠶ᠎ᠡ ᠳᠤᠨᠢ ᠶᠠᠭᠤᠮ᠎ᠠ ᠴᠤᠬᠢᠬᠤ ᠪᠤᠶᠤ ᠶᠡᠭᠡ ᠲᠠᠭᠤᠨ ᠢᠶᠠᠷ ᠬᠠᠰᠬᠢᠷᠬᠤ ᠮᠡᠳᠤ ᠠᠷᠭ᠎ᠠ ᠪᠠᠷᠢᠯ ᠢᠶᠠᠷ ᠠᠪᠤᠷᠠᠯᠳᠠ ᠬᠥᠰᠡᠵᠤ ᠪᠤᠯᠤᠨ᠎ᠠ᠃ | ᠰᠠᠨᠠᠭᠤᠯᠬᠤ ᠨᠢ᠄ | ① ᠭᠠᠵᠠᠷ ᠬᠥᠳᠡᠯᠥᠭᠰᠡᠨ ᠥᠶ᠎ᠡ ᠳᠤ ᠪᠠᠴᠢᠮ ᠠᠷᠭᠠᠴᠠᠬᠤ ᠶᠢᠨ ᠥᠨᠳᠥᠰᠥᠨ ᠵᠠᠷᠴᠢᠮ ᠪᠤᠯ ᠭᠠᠵᠠᠷ ᠬᠥᠳᠡᠯᠵᠤ ᠪᠠᠶᠢᠭ᠎ᠠ ᠥᠶ᠎ᠡ ᠳᠤ ᠤᠢᠢᠷ᠎ᠠ ᠬᠠᠪᠢ ᠳᠠᠭᠠᠨ | ᠲᠠᠯᠳᠠᠯᠠᠵᠤ᠂ ᠭᠠᠵᠠᠷ ᠬᠥᠳᠡᠯᠥᠯᠳᠡ ᠶᠢᠨ ᠲᠠᠷᠠᠭ᠎ᠠ ᠡᠮᠬᠢ ᠲᠢᠭᠯᠢᠮ ᠲᠠᠢ ᠪᠠᠷ ᠵᠠᠶᠢᠯᠠᠭᠤᠯᠬᠤ ᠶᠠᠪᠤᠳᠠᠯ ᠪᠤᠯᠤᠨ᠎ᠠ᠃ | ② ᠭᠠᠵᠠᠷ ᠬᠥᠳᠡᠯᠥᠭᠰᠡᠨ ᠥᠶ᠎ᠡ ᠳᠤ ᠡᠷᠡᠰ ᠰᠢᠭᠤᠷᠬᠠᠢ ᠪᠠᠷ ᠠᠷᠭ᠎ᠠ ᠭᠡᠮᠵᠢᠶ᠎ᠡ ᠠᠪᠴᠤ᠂ ᠲᠠᠯᠳᠠᠯᠠᠬᠤ ᠪᠠ ᠵᠢᠭᠤᠳᠠᠬᠤ ᠡᠰᠡᠬᠦ ᠪᠠᠨ ᠲᠤᠬᠠᠢ ᠶᠢᠨ ᠭᠠᠵᠠᠷ | ᠤᠨ ᠪᠠᠶᠢᠳᠠᠯ ᠢ ᠥᠵᠡᠵᠤ ᠪᠠᠶᠢᠭᠠᠳ ᠲᠤᠭᠳᠠᠭᠠᠬᠤ ᠭᠡᠷᠡᠭᠳᠡᠢ᠂ ᠤᠷᠤᠨ ᠳᠠᠭᠠᠨ ᠲᠠᠳᠠᠭᠠᠯᠵᠠᠨ ᠵᠤᠭᠰᠤᠵᠤ ᠪᠤᠯᠬᠤ ᠥᠭᠡᠢ᠃ | ③ ᠭᠠᠵᠠᠷ ᠬᠥᠳᠡᠯᠵᠤ ᠪᠠᠶᠢᠭ᠎ᠠ ᠥᠶ᠎ᠡ ᠳᠤ ᠴᠢᠳᠠᠬᠤ ᠶᠢᠨ ᠲᠤᠳᠤᠷ᠎ᠠ ᠰᠥᠬᠦᠳᠬᠦ ᠪᠤᠶᠤ ᠭᠡᠪᠳᠡᠵᠤ᠂ ᠪᠡᠶ᠎ᠡ ᠪᠠᠨ ᠲᠡᠩᠴᠡᠬᠦᠨ ᠪᠠᠶᠢᠯᠭᠠᠵᠤ᠂ ᠲᠤᠯᠤᠭᠠᠢ | ᠬᠥᠵᠥᠬᠦᠥ ᠪᠠᠨ ᠰᠠᠶᠢᠳᠤᠷ ᠬᠠᠮᠠᠭᠠᠯᠠᠬᠤ ᠭᠡᠷᠡᠭᠳᠡᠢ᠃ ᠭᠠᠵᠠᠷ ᠬᠥᠳᠡᠯᠥᠯᠳᠡ ᠶᠢᠨ ᠲᠠᠷᠠᠭ᠎ᠠ᠂ ᠤᠷᠤᠨ ᠰᠠᠭᠤᠴᠠ ᠳᠠᠭᠠᠨ ᠪᠤᠴᠠᠵᠤ ᠬᠠᠷᠢᠬᠤ ᠶᠢ ᠶᠠᠭᠠᠷᠠᠵᠤ ᠪᠤᠯᠬᠤ | ᠥᠭᠡᠢ᠂ ᠥᠯᠡᠳᠡᠭᠳᠡᠯ ᠬᠥᠳᠡᠯᠥᠯᠳᠡ ᠬᠢᠭᠡᠳ ᠭᠠᠵᠠᠷ ᠬᠥᠳᠡᠯᠥᠯᠳᠡ ᠠᠴᠠ ᠡᠬᠦᠰᠥᠭᠰᠡᠨ ᠭᠠᠯ ᠤᠨ ᠠᠶᠤᠯ᠂ ᠤᠰᠤᠨ ᠤ ᠠᠶᠤᠯ᠂ ᠠᠭᠤᠯᠠ ᠶᠡᠬᠦᠷᠡᠬᠦ᠂ ᠰᠢᠪᠠᠷ | ᠴᠢᠯᠠᠭᠤᠨ ᠤ ᠤᠷᠤᠰᠬᠠᠯ᠂ ᠬᠤᠤᠷ ᠲᠠᠢ ᠭᠡᠢ ᠪᠡᠶᠡᠳᠤ ᠪᠠ ᠰᠠᠴᠤᠷᠠᠭ ᠪᠤᠳᠠᠰ ᠤᠨ ᠵᠠᠳᠠᠷᠠᠯᠳᠠ ᠵᠡᠷᠭᠡ ᠲᠠᠭᠠᠯᠳᠤᠨ ᠡᠬᠦᠰᠬᠦ ᠭᠠᠮᠰᠢᠬ ᠠᠴᠠ ᠰᠡᠷᠭᠡᠶᠢᠯᠡᠬᠦ ᠭᠡᠷᠡᠭᠳᠡᠢ᠃ | ④ ᠭᠠᠵᠠᠷ ᠬᠥᠳᠡᠯᠥᠯᠳᠡ ᠶᠢᠨ ᠲᠠᠷᠠᠭ᠎ᠠ ᠬᠥᠮᠥᠰ ᠢ ᠠᠪᠤᠷᠠᠬᠤ ᠳᠠᠭᠠᠨ ᠤᠷᠢᠳ ᠢᠶᠠᠷ ᠤᠢᠢᠷᠠᠯᠴᠠᠭ᠎ᠠ ᠪᠠᠶᠢᠭ᠎ᠠ ᠶᠢ᠂ ᠲᠠᠷᠠᠭ᠎ᠠ ᠳᠤᠨᠢ ᠵᠠᠶᠢᠳᠠᠢ ᠪᠠᠶᠢᠭ᠎ᠠ ᠶᠢ | ᠨᠢ᠂ ᠤᠷᠢᠳ ᠢᠶᠠᠷ ᠤᠯᠠᠨ ᠢ ᠨᠢ᠂ ᠲᠠᠷᠠᠭ᠎ᠠ ᠳᠤᠨᠢ ᠴᠥᠭᠡᠨ ᠢ ᠨᠢ᠂ ᠤᠷᠢᠳ ᠢᠶᠠᠷ ᠠᠪᠤᠷᠠᠬᠤ ᠳᠤ ᠬᠢᠯᠪᠡᠷ ᠢ ᠨᠢ᠂ ᠲᠠᠷᠠᠭ᠎ᠠ ᠳᠤᠨᠢ ᠠᠪᠤᠷᠠᠬᠤ ᠳᠤ ᠬᠥᠴᠢᠷᠳᠡᠢ ᠶᠢ ᠨᠢ | ᠠᠪᠤᠷᠠᠯᠳᠠ ᠬᠢᠨ᠎ᠠ᠃ | ︵17︶ ᠨᠤᠷᠠᠨ ᠶᠡᠬᠦᠷᠡᠬᠦ | ᠨᠤᠷᠠᠨ ᠶᠡᠬᠦᠷᠡᠬᠦ ᠭᠡᠳᠡᠭ ᠪᠤᠯ ᠡᠭ᠍ᠴᠡ ᠠᠭᠤᠯᠠᠨ ᠤ ᠬᠢᠷ᠎ᠠ ᠬᠥᠳᠥᠯ ᠤᠨ ᠴᠢᠯᠠᠭᠤ ᠪᠤᠶᠤ ᠰᠢᠷᠤᠢ ᠨᠢ ᠬᠥᠨᠳᠤ ᠶᠢᠨ ᠬᠥᠴᠥᠨ ᠤ ᠥᠢᠯᠡᠳᠥᠯ ᠲᠤᠤᠷ᠎ᠠ᠂ | ᠶᠡᠬᠦᠷᠡᠵᠤ ᠨᠤᠷᠠᠬᠤ ᠪᠠ ᠥᠡᠭᠬᠦᠷᠢᠳᠥᠨ ᠬᠥᠳᠡᠯᠬᠦ ᠥᠵᠡᠭᠳᠡᠯ ᠮᠥᠨ᠃ ᠨᠤᠷᠠᠵᠤ ᠶᠡᠬᠦᠷᠡᠭᠰᠡᠨ ᠠᠴᠠ ᠪᠤᠯᠵᠤ ᠶᠡᠷᠦ ᠳᠡᠭᠡᠨ ᠵᠠᠮ ᠬᠠᠷᠢᠯᠴᠠᠭ᠎ᠠ ᠲᠠᠰᠤᠯᠳᠠᠵᠤ ᠪᠥᠭᠯᠡᠷᠡᠨ | ᠲᠥᠭᠵᠢᠷᠡᠬᠦ ᠪᠤᠶᠤ ᠠᠭᠤᠯᠠᠨ ᠤ ᠬᠤᠷᠮᠤᠢ ᠳᠠᠬᠢ ᠡᠳ᠋ ᠪᠤᠳᠠᠰ ᠢ ᠡᠪᠳᠡᠯᠡᠵᠤ ᠨᠤᠷᠠᠭᠠᠵᠤ᠂ ᠭᠡᠷᠪᠡ ᠥᠶᠡᠷ ᠪᠤᠯᠪᠠᠯ ᠰᠢᠭᠤᠳ ᠰᠢᠪᠡᠷ ᠴᠢᠯᠠᠭᠤᠨ ᠤ ᠤᠷᠤᠰᠬᠠᠯ ᠪᠤᠯᠵᠤ | ᠪᠥᠷᠢᠯᠳᠥᠳᠡᠭ᠃ ᠬᠠᠮᠤᠭ ᠬᠥᠨᠳᠤ ᠨᠤᠴᠢᠳᠠᠢ ᠶᠠᠪᠤᠳᠠᠯ ᠨᠢ ᠪᠤᠯ ᠨᠤᠷᠠᠵᠤ ᠶᠡᠬᠦᠷᠡᠭᠰᠡᠨ ᠠᠴᠠ ᠭᠤᠤᠯ ᠤᠨ ᠤᠷᠤᠰᠬᠠᠯ ᠲᠠᠰᠤᠯᠤᠭᠳᠠᠨ ᠪᠥᠭᠯᠡᠷᠡᠵᠤ ᠬᠠᠰᠢᠯᠭ᠎ᠠ | ᠪᠥᠷᠢᠯᠳᠥᠵᠤ᠂ ᠲᠡᠭᠡᠳᠤ ᠤᠷᠤᠰᠬᠠᠯ ᠤᠨ ᠤᠰᠤ ᠬᠤᠷᠠᠭᠰᠠᠨ ᠠᠴᠠ ᠪᠤᠯᠵᠤ᠂ ᠭᠤᠤᠯ ᠤᠨ ᠤᠰᠤ ᠪᠢᠯᠬᠠᠷᠠᠨ ᠤᠰᠤᠨ ᠤ ᠭᠠᠮᠰᠢᠬ ᠢ ᠡᠬᠦᠰᠭᠡᠳᠡᠭ᠃ ᠨᠤᠷᠠᠨ | ᠶᠡᠬᠦᠷᠡᠬᠦ ᠶᠢᠨ ᠪᠠᠴᠢᠮ ᠪᠠᠶᠢᠳᠠᠯ ᠢ ᠠᠷᠭᠠᠴᠠᠬᠤ ᠳᠤ᠄ | ① ᠨᠤᠷᠠᠵᠤ ᠶᠡᠬᠦᠷᠡᠭᠰᠡᠨ ᠥᠶ᠎ᠡ ᠳᠤ ᠲᠡᠷᠭᠡ ᠬᠥᠰᠭᠡ ᠨᠦᠭᠦᠳ ᠭᠢᠷ᠎ᠡ ᠬᠥᠳᠥᠯ ᠤᠨ ᠵᠠᠮ ᠠᠴᠠ ᠥᠳᠳᠡᠷ ᠲᠥᠷᠭᠡᠨ ᠢᠶᠠᠷ ᠵᠠᠶᠢᠯᠠᠨ᠎ᠠ᠃ | ② ᠨᠤᠷᠠᠵᠤ ᠶᠡᠬᠦᠷᠡᠭᠡᠳ ᠵᠠᠮ ᠮᠥᠷ ᠪᠥᠭᠯᠡᠭᠳᠡᠭᠰᠡᠨ ᠪᠤᠯ ᠵᠠᠮ ᠬᠠᠷᠢᠯᠴᠠᠭᠠᠨ ᠤ ᠴᠠᠭᠳᠠᠭ᠎ᠠ ᠶᠢᠨ ᠵᠢᠯᠤᠭᠤᠳᠤᠨ ᠲᠠᠭᠠᠭᠤᠯᠬᠤ ᠶᠢ ᠬᠦᠯᠢᠶᠡᠨ᠎ᠡ᠃ | ᠰᠠᠨᠠᠭᠤᠯᠬᠤ ᠨᠢ᠄ | ① ᠵᠤᠨ ᠤ ᠥᠶᠡᠷ ᠤᠨ ᠬᠤᠭᠤᠴᠠᠭᠠᠨ ᠳᠤ ᠲᠤᠬᠠᠢ ᠶᠢᠨ ᠭᠠᠵᠠᠷ ᠤᠨ ᠴᠠᠭ ᠠᠭᠤᠷ ᠤᠨ ᠮᠡᠳᠡᠭᠡ ᠶᠢ ᠰᠤᠨᠤᠰᠬᠤ ᠪᠠᠨ ᠠᠩᠬᠠᠷᠴᠤ᠂ ᠶᠡᠭᠡ ᠪᠤᠷᠤᠭᠠᠨ | ᠤᠷᠤᠭᠰᠠᠨ ᠤ ᠲᠠᠷᠠᠭ᠎ᠠ ᠪᠤᠶᠤ ᠵᠠᠯᠭᠠᠭ᠎ᠠ ᠪᠠᠷ ᠪᠤᠷᠤᠭᠠᠨ ᠤᠷᠤᠭᠰᠠᠨ ᠤ ᠲᠠᠷᠠᠭ᠎ᠠ ᠠᠭᠤᠯᠠᠷᠬᠠᠭ ᠤᠷᠤᠨ ᠤ ᠭᠤᠤ ᠵᠢᠯᠠᠭ᠎ᠠ ᠪᠠᠷ ᠠᠶᠠᠯᠠᠬᠤ ᠠᠴᠠ ᠴᠢᠳᠠᠬᠤ ᠶᠢᠨ | ᠲᠤᠳᠤᠷ᠎ᠠ ᠵᠠᠶᠢᠯᠠᠬᠤ ᠭᠡᠷᠡᠭᠳᠡᠢ᠃ | ② ᠪᠤᠷᠤᠭᠠᠨ ᠤ ᠤᠯᠠᠷᠢᠯ ᠳᠤ ᠡᠭ᠍ᠴᠡ ᠬᠢᠷ᠎ᠠ ᠬᠥᠳᠥᠯ᠂ ᠠᠶᠤᠯ ᠲᠠᠢ ᠬᠠᠳᠠᠨ ᠤ ᠤᠢᠢᠷᠠᠯᠴᠠᠭ᠎ᠠ ᠵᠤᠭᠰᠤᠬᠤ ᠶᠢ ᠴᠡᠭᠡᠷᠯᠡᠨ᠎ᠡ᠃ | ③ ᠬᠤᠳᠤᠭᠤᠷ ᠪᠠᠯ᠂ ᠠᠶᠤᠯ ᠲᠠᠢ ᠬᠠᠳᠠ ᠴᠢᠯᠠᠭᠤ ᠴᠤᠬᠤᠢᠢᠵᠤ ᠰᠡᠷᠪᠠᠶᠢᠭ᠍ᠰᠡᠨ ᠭᠠᠵᠠᠷ ᠲᠤ ᠪᠤᠷᠤᠭᠠᠨ ᠠᠴᠠ ᠲᠠᠯᠳᠠᠯᠠᠵᠤ᠂ ᠠᠮᠤᠰᠬᠢᠬᠦ ᠪᠤᠶᠤ ᠶᠠᠪᠤᠵᠤ | ᠪᠤᠯᠬᠤ ᠥᠭᠡᠢ᠂ ᠠᠶᠤᠯ ᠲᠠᠢ ᠬᠠᠳᠠ ᠴᠢᠯᠠᠭᠤᠨ ᠲᠡᠭᠡᠷ᠎ᠡ ᠠᠪᠠᠷᠢᠵᠤ ᠪᠤᠯᠬᠤ ᠥᠭᠡᠢ᠃ | ④ ᠠᠭᠤᠯᠠᠨ ᠤ ᠬᠢᠷ᠎ᠠ ᠬᠥᠳᠥᠯ ᠤᠨ ᠨᠠᠯᠠᠤ ᠶᠢᠨ ᠭᠡᠮᠵᠢᠶ᠎ᠡ ᠨᠢ 45° ᠠᠴᠠ ᠶᠡᠭᠡ ᠪᠠᠶᠢᠬᠤ ᠮᠥᠷᠳᠡᠭᠡᠨ ᠥᠨᠳᠥᠷ ᠪᠤᠭᠤᠨᠢ ᠨᠢ ᠨᠡᠯᠢᠶᠡᠳ ᠵᠥᠷᠢᠶᠡᠨ ᠲᠠᠢ | ᠪᠤᠶᠤ ᠠᠭᠤᠯᠠᠨ ᠤ ᠬᠢᠷ᠎ᠠ ᠬᠥᠳᠥᠯ ᠨᠢ ᠲᠤᠰᠠᠭᠠᠷᠯᠠᠭᠠᠳ ᠠᠭᠤᠯᠠᠨ ᠬᠤᠰᠢᠭᠤ ᠪᠤᠯᠤᠨ ᠬᠤᠳᠤᠭᠤᠷ ᠬᠢᠷ᠎ᠠ ᠬᠥᠳᠥᠯ ᠵᠡᠷᠭᠡ ᠶᠢᠨ ᠭᠡᠯᠪᠡᠷᠢ ᠲᠠᠢ ᠪᠤᠯᠤᠭᠰᠠᠨ᠂ ᠬᠢᠷ᠎ᠠ | ᠬᠥᠳᠥᠯ ᠤᠨ ᠤᠷᠢᠳᠤᠭᠤᠷᠬᠢ ᠭᠡᠰᠡᠭ ᠨᠢ ᠬᠥᠨᠳᠡᠢ ᠥᠡᠭᠭᠡᠶᠢᠭᠰᠡᠨ᠂ ᠬᠢᠷ᠎ᠠ ᠬᠥᠳᠥᠯ ᠨᠢ ᠮᠡᠳᠡᠭᠳᠡᠮ᠎ᠡ ᠠᠩ ᠵᠠᠪᠰᠠᠷ ᠭᠠᠷᠤᠭᠰᠠᠨ ᠪᠠᠶᠢᠪᠠᠯ ᠴᠥᠮ ᠠᠮᠠᠷᠬᠠᠨ ᠨᠤᠷᠠᠵᠤ | ᠶᠡᠬᠦᠷᠡᠬᠦ ᠪᠤᠯᠤᠨ᠎ᠠ᠃ | ⑤ ᠭᠡᠷᠪᠡ ᠠᠰᠬ᠎ᠠ ᠬᠠᠯᠢᠯ ᠠᠴᠠ ᠰᠢᠷᠤᠢ ᠴᠢᠯᠠᠭᠤ ᠤᠨᠠᠵᠤ ᠪᠠᠶᠢᠪᠠᠯ᠂ ᠲᠤᠤᠭᠤᠷ ᠨᠢ ᠶᠠᠪᠤᠵᠤ ᠪᠤᠯᠬᠤ ᠥᠭᠡᠢ᠃ | ︵18︶ ᠬᠢᠷ᠎ᠠ ᠶᠡᠬᠦᠷᠡᠬᠦ | ᠬᠢᠷ᠎ᠠ ᠶᠡᠬᠦᠷᠡᠬᠦ ᠭᠡᠳᠡᠭ ᠪᠤᠯ ᠠᠭᠤᠯᠠᠨ ᠤ ᠭᠢᠷ᠎ᠡ ᠶᠢᠨ ᠰᠢᠷᠤᠢ ᠪᠤᠯᠤᠨ ᠬᠠᠳᠠ ᠴᠢᠯᠠᠭᠤ ᠨᠢ ᠭᠤᠤᠯ ᠤᠨ ᠤᠰᠤᠨ ᠳᠤ ᠤᠷᠤᠰᠬᠤ᠂ ᠬᠥᠷᠥᠰᠥᠨ ᠲᠤᠤᠷᠠᠬᠢ | ᠤᠰᠤ ᠤᠷᠤᠰᠬᠤ᠂ ᠭᠠᠵᠠᠷ ᠬᠥᠳᠡᠯᠬᠦ ᠵᠢᠴᠢ ᠬᠥᠮᠥᠨ ᠤ ᠬᠥᠴᠤ ᠪᠠᠷ ᠠᠭᠤᠯᠠᠨ ᠤ ᠬᠢᠷ᠎ᠠ ᠬᠥᠳᠥᠯ ᠢ ᠬᠠᠭᠠᠯᠵᠦ ᠬᠥᠨᠳᠡᠭᠰᠡᠨ ᠵᠡᠷᠭᠡ ᠬᠥᠴᠥᠨ ᠵᠥᠢᠯ ᠤᠨ ᠨᠥᠯᠥᠭᠡ | ᠠᠴᠠ ᠪᠤᠯᠵᠤ᠂ ᠬᠥᠨᠳᠤ ᠶᠢᠨ ᠬᠥᠴᠥᠨ ᠤ ᠥᠢᠯᠡᠳᠥᠯ ᠲᠤᠤᠷ᠎ᠠ᠂ ᠬᠢᠷ᠎ᠠ ᠬᠥᠳᠥᠯ ᠲᠠᠭᠠᠵᠤ ᠲᠤᠷᠤᠭᠰᠢ ᠪᠠᠨ ᠶᠡᠬᠦᠷᠡᠵᠤ ᠬᠥᠳᠡᠯᠬᠦ ᠪᠠᠶᠢᠭᠠᠯᠢ ᠶᠢᠨ ᠥᠵᠡᠭᠳᠡᠯ ᠢ | ᠬᠡᠯᠡᠨ᠎ᠡ᠃ ᠮᠥᠨ ᠴᠤ ︽ᠠᠭᠤᠯᠠ ᠬᠥᠳᠡᠯᠬᠦ︾ ᠭᠡᠳᠡᠭ᠃ ᠭᠢᠷ᠎ᠠ ᠶᠡᠬᠦᠷᠡᠬᠦ ᠠᠴᠠ ᠪᠤᠯᠵᠤ ᠭᠠᠵᠠᠷ ᠤᠨ ᠭᠠᠳᠠᠷᠭᠤ ᠬᠠᠭᠠᠷᠠᠨ ᠠᠩ ᠵᠠᠪᠰᠠᠷ ᠭᠠᠷᠴᠤ᠂ ᠭᠡᠷ ᠪᠠᠶᠢᠰᠢᠩ | ᠡᠪᠳᠡᠭᠳᠡᠨ ᠨᠤᠷᠠᠵᠤ᠂ ᠵᠠᠮ ᠲᠠᠷᠤᠭᠳᠠᠨ ᠪᠥᠭᠯᠡᠷᠡᠵᠤ᠂ ᠭᠤᠤᠯ ᠤᠨ ᠤᠷᠤᠰᠬᠠᠯ ᠲᠠᠰᠤᠯᠤᠭᠳᠠᠨ ᠲᠥᠭᠵᠢᠷᠡᠬᠦ ᠪᠤᠯᠤᠨ᠎ᠠ᠃ ᠬᠢᠷ᠎ᠠ ᠶᠡᠬᠦᠷᠡᠬᠦ ᠪᠠᠴᠢᠮ ᠪᠠᠶᠢᠳᠠᠯ ᠢ | ᠠᠷᠭᠠᠴᠠᠬᠤ ᠳᠤ᠄ | ① ᠭᠢᠷ᠎ᠠ ᠶᠡᠬᠦᠷᠡᠵᠤ ᠪᠠᠶᠢᠪᠠᠯ᠂ ᠬᠤᠶᠠᠷ ᠲᠠᠯ᠎ᠠ ᠶᠢᠨ ᠨᠡᠮ ᠲᠤᠭᠳᠠᠭᠤᠨ ᠭᠠᠵᠠᠷ ᠲᠤ ᠦᠳᠳᠡᠷ ᠲᠥᠷᠭᠡᠨ ᠢᠶᠠᠷ ᠵᠠᠶᠢᠯᠠᠨ᠎ᠠ᠃ | ② ᠬᠢᠷ᠎ᠠ ᠶᠡᠬᠦᠷᠡᠵᠤ ᠪᠠᠶᠢᠭ᠎ᠠ ᠥᠶ᠎ᠡ ᠳᠤ ᠵᠢᠭᠤᠳᠠᠬᠤ ᠶᠢᠨ ᠠᠷᠭ᠎ᠠ ᠥᠭᠡᠢ ᠪᠤᠯᠪᠠᠯ ᠨᠠᠯᠠᠤ ᠶᠢᠨ ᠭᠡᠮᠵᠢᠶ᠎ᠡ ᠨᠢ ᠨᠡᠯᠢᠶᠡᠳ ᠲᠡᠭᠰᠢᠭᠡᠨ ᠰᠢᠭ ᠠᠭᠤᠵᠢᠮ ᠭᠠᠵᠠᠷ | ᠲᠤ ᠤᠴᠢᠵᠤ ᠵᠤᠭᠰᠤᠬᠤ ᠶᠢᠨ ᠬᠠᠮᠳᠤ᠂ ᠭᠡᠷ ᠪᠠᠶᠢᠰᠢᠩ᠂ ᠭᠡᠷᠡᠮ ᠬᠠᠰᠢᠶ᠎ᠠ᠂ ᠴᠠᠬᠢᠯᠭᠠᠨ ᠤᠳᠠᠰᠤᠨ ᠤ ᠪᠠᠭᠠᠨ᠎ᠠ ᠵᠡᠷᠭᠡ ᠠᠴᠠ ᠵᠠᠶᠢᠳᠠᠢ ᠪᠠᠶᠢᠬᠤ ᠭᠡᠷᠡᠭᠳᠡᠢ᠃ | ᠰᠠᠨᠠᠭᠤᠯᠬᠤ ᠨᠢ᠄ | ① ᠭᠢᠷ᠎ᠠ ᠶᠡᠬᠦᠷᠡᠭᠡᠳ ᠭᠠᠵᠠᠷ ᠤᠨ ᠪᠠᠶᠢᠴᠠ ᠶᠢ ᠶᠠᠭ ᠯᠠ ᠡᠪᠬᠡᠬᠦᠷ ᠰᠠᠨᠳᠠᠯᠢ ᠪᠤᠶᠤ ᠮᠤᠷᠢᠨ ᠤ ᠲᠤᠭᠤᠷᠠᠢ ᠶᠢᠨ ᠬᠡᠯᠪᠡᠷᠢ ᠲᠠᠢ ᠪᠤᠯᠭᠠᠵᠤ᠂ ᠠᠷᠤ ᠪᠠᠷ ᠢᠶᠠᠨ | ᠬᠥᠷᠢᠶᠡᠯᠡᠭᠰᠡᠨ ᠭᠡᠯᠪᠡᠷᠢ ᠲᠠᠢ᠂ ᠵᠥᠰᠥᠵᠤ ᠬᠠᠭᠠᠯᠤᠭᠰᠠᠨ ᠰᠢᠬ ᠠᠩ ᠵᠠᠪᠰᠠᠷ ᠲᠠᠢ᠂ ᠤᠯᠠᠨ ᠲᠡᠰ ᠲᠠᠪᠬᠤᠷᠭ᠎ᠠ ᠶᠢᠨ ᠱᠠᠳᠤ ᠲᠠᠢ᠂ ᠤᠷᠢᠳᠤᠭᠤᠷ ᠢᠶᠠᠨ ᠲᠠᠯᠠᠩ | ᠪᠤᠰᠬᠠᠭᠰᠠᠨ ᠭᠡᠯᠪᠡᠷᠢ ᠲᠠᠢ ᠵᠡᠷᠭᠡ ᠭᠠᠵᠠᠷ ᠤᠨ ᠭᠠᠳᠠᠷᠭᠤ ᠶᠢᠨ ᠤᠨᠴᠠᠯᠢᠬ ᠲᠠᠢ ᠪᠤᠯᠭᠠᠳᠠᠭ᠃ | ② ᠬᠢᠷ᠎ᠠ ᠶᠡᠬᠦᠷᠡᠬᠦ ᠠᠶᠤᠯ ᠤᠨ ᠰᠡᠷᠡᠮᠵᠢ ᠶᠢᠨ ᠲᠡᠮᠳᠡᠭ ᠲᠠᠢ ᠭᠠᠵᠠᠷ ᠤᠷᠤᠨ ᠢᠶᠠᠷ ᠬᠥᠮᠥᠰ ᠪᠤᠯᠤᠨ ᠲᠡᠷᠭᠡ ᠬᠥᠰᠭᠡ ᠤᠷᠤᠵᠤ ᠭᠠᠷᠴᠤ ᠪᠤᠯᠬᠤ ᠥᠭᠡᠢ᠃ | ③ ᠶᠡᠭᠡ ᠪᠤᠷᠤᠭᠠᠨ ᠪᠤᠶᠤ ᠰᠢᠷᠥᠬᠦᠨ ᠪᠤᠷᠤᠭᠠᠨ ᠤᠷᠤᠭᠰᠠᠨ ᠤ ᠲᠠᠷᠠᠭ᠎ᠠ ᠬᠢᠷ᠎ᠠ ᠶᠡᠬᠦᠷᠡᠬᠦ ᠠᠶᠤᠯ ᠲᠠᠢ ᠭᠠᠵᠠᠷ ᠤᠷᠤᠨ ᠤ ᠤᠢᠢᠷ᠎ᠠ ᠬᠠᠪᠢ ᠪᠠᠷ ᠵᠤᠭᠰᠤᠬᠤ | ᠶᠢ ᠡᠷᠡᠰ ᠴᠡᠭᠡᠷᠯᠡᠭᠡᠷᠡᠢ᠃ | ④ ᠠᠭᠤᠯᠠᠨ ᠤ ᠬᠢᠷ᠎ᠠ ᠠᠩ ᠭᠠᠷᠴᠤ ᠬᠠᠭᠠᠷᠠᠬᠤ᠂ ᠭᠡᠷ ᠪᠠᠶᠢᠰᠢᠩ ᠢᠯᠡᠷᠭᠡᠢ ᠴᠠᠪᠠ ᠭᠠᠷᠬᠤ᠂ ᠭᠡᠷᠡᠮ ᠬᠠᠨ᠎ᠠ ᠬᠡᠯᠪᠠᠶᠢᠨ ᠬᠠᠵᠠᠶᠢᠬᠤ᠂ ᠮᠤᠳᠤ ᠭᠤᠤᠯ ᠢᠶᠠᠷ | ᠢᠶᠠᠨ ᠬᠠᠭᠠᠷᠠᠬᠤ ᠵᠡᠷᠭᠡ ᠪᠠᠷ ᠭᠢᠷ᠎ᠡ ᠶᠡᠬᠦᠷᠡᠬᠦ ᠥᠵᠡᠭᠳᠡᠯ ᠢᠯᠡᠷᠡᠭᠰᠡᠨ ᠪᠤᠯ ᠲᠡᠷᠡ ᠲᠠᠷᠤᠢ ᠳᠤᠨᠢ ᠲᠤᠬᠠᠢ ᠶᠢᠨ ᠭᠠᠵᠠᠷ ᠤᠨ ᠵᠠᠰᠠᠭ ᠤᠨ ᠤᠷᠳᠤᠨ ᠪᠤᠶᠤ ᠬᠤᠯᠪᠤᠭᠳᠠᠯ | ᠪᠥᠬᠦᠢ ᠰᠠᠯᠠᠭ᠎ᠠ ᠮᠥᠴᠢᠷ ᠲᠤ ᠮᠡᠳᠡᠬᠦᠯᠬᠦ ᠶᠢᠨ ᠬᠠᠮᠳᠤ᠂ ᠠᠶᠤᠯ ᠳᠤ ᠤᠴᠠᠷᠠᠵᠤ ᠮᠡᠳᠡᠬᠦ ᠬᠥᠮᠥᠰ ᠲᠤ ᠮᠡᠳᠡᠭᠳᠡᠬᠦ ᠭᠡᠷᠡᠭᠳᠡᠢ᠃ | ︵19︶ ᠭᠠᠵᠠᠷ ᠴᠥᠮᠥᠷᠡᠬᠦ | ᠭᠠᠵᠠᠷ ᠴᠥᠮᠥᠷᠡᠬᠦ ᠭᠡᠳᠡᠭ ᠪᠤᠯ ᠭᠠᠵᠠᠷ ᠤᠨ ᠭᠠᠳᠠᠷᠭᠤ ᠶᠢᠨ ᠴᠢᠯᠠᠭᠤ ᠪᠤᠶᠤ ᠬᠥᠷᠥᠰᠥ ᠰᠢᠷᠤᠢ ᠨᠢ ᠪᠠᠶᠢᠭᠠᠯᠢ ᠶᠢᠨ ᠥᠢᠯᠡᠳᠥᠯ ᠪᠤᠶᠤ ᠬᠥᠮᠥᠨ | ᠲᠥᠷᠥᠯᠬᠢᠳᠡᠨ ᠤ ᠥᠢᠯᠡᠳᠴᠤ ᠬᠥᠳᠡᠯᠭᠡᠭᠰᠡᠨ ᠭᠠᠵᠠᠷ ᠲᠤᠤᠷᠠᠬᠢ ᠪᠠᠷᠢᠯᠭ᠎ᠠ ᠶᠢᠨ ᠨᠥᠯᠥᠭᠡᠯᠡᠯ ᠢᠶᠠᠷ ᠴᠥᠮᠥᠷᠡᠵᠤ ᠤᠷᠤᠭᠰᠠᠨ ᠠᠴᠠ ᠪᠤᠯᠵᠤ ᠭᠠᠵᠠᠷ ᠤᠨ ᠭᠠᠳᠠᠷᠭᠤ ᠳᠤ | ᠴᠥᠮᠥᠷᠡᠵᠤ ᠤᠷᠤᠭᠰᠠᠨ ᠨᠥᠭᠡ ᠭᠠᠷᠬᠤ ᠥᠵᠡᠭᠳᠡᠯ ᠪᠤᠶᠤ ᠶᠠᠪᠤᠴᠠ ᠶᠢ ᠭᠡᠯᠡᠨ᠎ᠡ᠃ ᠭᠠᠵᠠᠷ ᠴᠥᠮᠥᠷᠡᠬᠦ ᠪᠠᠴᠢᠮ ᠪᠠᠶᠢᠳᠠᠯ ᠢ ᠠᠷᠭᠠᠴᠠᠬᠤ ᠳᠤ᠄ | ① ᠪᠠᠷᠢᠯᠭ᠎ᠠ ᠶᠢᠨ ᠤᠢᠢᠷ᠎ᠠ ᠬᠠᠪᠢ ᠪᠠᠷ ᠴᠥᠮᠥᠷᠡᠭᠰᠡᠨ ᠨᠥᠭᠡ ᠶᠢ ᠲᠡᠷᠦ᠋ᠢᠬᠠᠨ ᠪᠥᠭᠯᠡᠵᠤ᠂ ᠪᠠᠷᠢᠯᠭ᠎ᠠ ᠶᠢᠨ ᠯᠠᠪᠳᠠᠭᠤᠨ ᠲᠤᠭᠳᠠᠭᠤᠨ ᠪᠠᠶᠢᠬᠤ ᠶᠢ | ᠨᠥᠯᠥᠭᠡᠯᠡᠬᠦ ᠠᠴᠠ ᠰᠡᠷᠭᠡᠶᠢᠯᠡᠬᠦ ᠭᠡᠷᠡᠭᠳᠡᠢ᠃ | ② ᠪᠠᠷᠢᠯᠭ᠎ᠠ ᠶᠢᠨ ᠤᠢᠢᠷ᠎ᠠ ᠬᠠᠪᠢ ᠪᠠᠷ ᠭᠠᠷᠤᠭᠰᠠᠨ ᠭᠠᠵᠠᠷ ᠤᠨ ᠠᠩ ᠵᠠᠪᠰᠠᠷ ᠢ ᠲᠠᠷᠦ᠋ᠢᠬᠠᠨ ᠪᠥᠭᠯᠡᠵᠤ᠂ ᠤᠰᠤ ᠤᠷᠤᠰᠤᠨ ᠤᠷᠤᠬᠤ ᠠᠴᠠ | ᠰᠡᠷᠭᠡᠶᠢᠯᠡᠨ᠎ᠡ᠃ | ③ ᠬᠥᠳᠡᠭᠡ ᠭᠠᠳᠠᠨ᠎ᠠ ᠶᠠᠪᠤᠬᠤ ᠪᠤᠶᠤ ᠮᠠᠯ ᠬᠠᠷᠢᠭᠤᠯᠬᠤ ᠳᠠᠭᠠᠨ ᠴᠥᠮᠥᠷᠡᠬᠦ ᠠᠶᠤᠯ ᠲᠠᠢ ᠭᠠᠵᠠᠷ ᠲᠤ ᠤᠴᠢᠵᠤ ᠪᠤᠯᠬᠤ ᠥᠭᠡᠢ᠃ | ᠰᠠᠨᠠᠭᠤᠯᠬᠤ ᠨᠢ᠄ | ① ᠭᠠᠵᠠᠷ ᠢ ᠨᠢ ᠮᠠᠯᠳᠠᠵᠤ ᠬᠥᠨᠳᠡᠶᠢᠯᠡᠭᠰᠡᠨ ᠤᠷᠤᠨ ᠳᠠᠬᠢ ᠰᠠᠭᠤᠭᠠᠯᠢ ᠠᠷᠠᠳ ᠭᠡᠷ ᠪᠠᠶᠢᠰᠢᠩ ᠤᠨ ᠢᠶᠠᠨ ᠡᠮᠥᠨᠡᠬᠦᠷ ᠬᠤᠶᠢᠭᠤᠷᠬᠢ ᠭᠠᠵᠠᠷ ᠲᠤ ᠢᠯᠡᠷᠭᠡᠢ | ᠬᠤᠪᠢᠷᠠᠯᠳᠠ ᠭᠠᠷᠬᠤ᠂ ᠠᠩ ᠵᠠᠪᠰᠠᠷ ᠭᠠᠷᠬᠤ ᠵᠡᠷᠭᠡ ᠥᠵᠡᠭᠳᠡᠯ ᠢ ᠥᠷᠬᠦᠯᠵᠢ ᠠᠩᠬᠠᠷᠬᠤ ᠭᠡᠷᠡᠭᠳᠡᠢ᠃ | ② ᠶᠡᠭᠡ ᠪᠤᠷᠤᠭᠠᠨ ᠤᠷᠤᠭᠰᠠᠨ ᠥᠶ᠎ᠡ ᠳᠤ ᠭᠠᠵᠠᠷ ᠲᠡᠭᠡᠷᠡᠬᠢ ᠤᠰᠤ ᠶᠡᠭᠡ ᠭᠡᠮᠵᠢᠶ᠎ᠡ ᠪᠠᠷ᠂ ᠮᠠᠰᠢ ᠲᠥᠷᠭᠡᠨ ᠢᠶᠠᠷ ᠭᠠᠵᠠᠷ ᠲᠤ ᠰᠢᠮᠡᠳᠥᠨ ᠤᠷᠤᠵᠤ | ᠪᠠᠶᠢᠬᠤ ᠡᠰᠡᠬᠦ ᠶᠢ ᠠᠩᠬᠠᠷᠤᠭᠠᠷᠠᠢ᠃ | ③ ᠭᠠᠵᠠᠷ ᠤᠨ ᠭᠠᠳᠠᠷᠭᠤ ᠳᠤ ᠴᠠᠭᠠᠷᠢᠬ ᠭᠡᠯᠪᠡᠷᠢ ᠲᠠᠢ ᠠᠩ ᠵᠠᠪᠰᠠᠷ ᠭᠠᠷᠴᠤ ᠲᠠᠰᠤᠷᠠᠯᠳᠠ ᠥᠭᠡᠢ ᠶᠡᠭᠡᠰᠴᠤ᠂ ᠵᠠᠷᠢᠮ ᠭᠡᠰᠡᠭ ᠭᠠᠵᠠᠷ ᠲᠤᠨᠢ ᠬᠥᠳᠦ᠋ᠢᠬᠦ | ᠪᠤᠶᠤ ᠬᠤᠳᠦ᠋ᠢᠵᠤ ᠪᠠᠶᠢᠪᠠᠯ᠂ ᠲᠠᠷᠦ᠋ᠢᠬᠠᠨ ᠵᠠᠶᠢᠯᠠᠬᠤ ᠶᠢᠨ ᠬᠠᠮᠳᠤ ᠬᠤᠯᠪᠤᠭᠳᠠᠯ ᠪᠥᠬᠦᠢ ᠰᠠᠯᠠᠭ᠎ᠠ ᠮᠥᠴᠢᠷ ᠲᠤ ᠮᠡᠳᠡᠬᠦᠯᠬᠦ ᠭᠡᠷᠡᠭᠳᠡᠢ᠂ ᠬᠠᠷᠢᠨ ᠭᠡᠨᠡᠨ ᠪᠤᠳᠤᠯ ᠢᠶᠠᠷ | ᠤᠤᠯ ᠭᠠᠵᠠᠷ ᠲᠠᠭᠠᠨ ᠪᠤᠶᠤ ᠭᠡᠷ ᠤᠷᠤᠨ ᠳᠠᠭᠠᠨ ᠬᠤᠷᠭᠤᠳᠠᠵᠤ ᠪᠤᠯᠬᠤ ᠥᠭᠡᠢ᠃ |