1. ᠡᠷᠡᠨᠳᠡ ᠶᠢ ᠶᠠᠮᠠᠷ ᠠᠷᠭ᠎ᠠ ᠪᠠᠷ ᠲᠠᠷᠢᠪᠠᠯ ᠴᠢᠨᠠᠷ ᠰᠠᠶᠢᠳᠠᠢ᠂ ᠦᠨᠢᠷ ᠬᠤᠷᠢᠶᠠᠯᠳᠠ | ᠲᠠᠢ᠂ ᠦᠨᠳᠤᠷ ᠦᠷ᠎ᠡ ᠠᠰᠢᠭ ᠲᠠᠢ ᠪᠤᠯᠭᠠᠵᠤ ᠴᠢᠳᠠᠬᠤ ᠪᠤᠢ︖ | ᠡᠩ ᠲᠡᠷᠢᠭᠦᠨ ᠳᠤ ᠴᠢᠨᠠᠷ ᠰᠠᠶᠢᠳᠠᠢ᠂ ᠤᠨᠠᠯᠳᠠ ᠰᠠᠶᠢᠳᠠᠢ ᠰᠤᠷᠲ ᠢ ᠰᠤᠩᠭᠤᠵᠤ᠂ ᠡᠷᠡᠨᠳᠡ ᠶᠢᠨ ᠦᠷ᠎ᠡ ᠮᠦᠭᠦᠯᠢᠭ ᠤᠨ ᠤᠨᠠᠯᠳᠠ ᠶᠢ ᠪᠠᠳᠤᠯᠠᠬᠤ ᠶᠢᠨ | ᠬᠠᠮᠳᠤ ᠪᠠᠰᠠ ᠲᠤᠰᠤᠨ ᠤ ᠠᠭᠤᠯᠤᠭᠳᠠᠴᠨ ᠶᠢᠨ ᠲᠡᠭᠡᠭᠰᠢᠯᠡᠭᠦᠯᠦᠯᠳᠡ ᠶᠢ ᠠᠩᠬᠠᠷᠬᠤ ᠭᠡᠷᠡᠭᠳᠡᠢ᠃ ᠢᠡᠭᠭᠢᠪᠡᠯ ᠰᠠᠶ᠋ᠢ ᠦᠨᠳᠤᠷ ᠤᠨᠠᠯᠳᠠ ᠲᠠᠢ ᠦᠯᠡᠮᠵᠢ ᠦᠷ᠎ᠡ ᠠᠰᠢᠭ | ᠲᠠᠢ ᠪᠤᠯᠭᠠᠵᠤ ᠴᠢᠳᠠᠨ᠎ᠠ᠃ | 2. ᠤᠳᠤᠬᠠᠨ ᠳᠤ ᠶᠠᠮᠠᠷ ᠰᠤᠷᠲ ᠤᠨ ᠡᠷᠡᠨᠳᠡ ᠨᠢ ᠨᠡᠯᠢᠶᠡᠳ ᠰᠠᠶᠢᠨ ᠪᠠᠶᠢᠭ᠎ᠠ ᠪᠤᠢ︖ | ︵1︶ ᠤᠳᠤᠬᠠᠨ ᠳᠤ ᠡᠷᠡᠨᠳᠡ ᠶᠢᠨ ᠦᠢᠯᠡᠳᠪᠤᠷᠢᠯᠡᠯ ᠳᠤ ᠬᠤᠶᠠᠷ ᠵᠦᠢᠯ ᠤᠨ ᠰᠤᠷᠲ ᠢ ᠰᠤᠩᠭᠤᠪᠠᠯ ᠨᠡᠯᠢᠶᠡᠳ ᠠᠰᠢᠭ ᠲᠠᠢ᠃ ᠨᠢᠭᠡ ᠨᠢ ᠲᠦᠡᠭᠯᠢᠶᠤᠤ | ᠡᠷᠡᠨᠳᠡ ︵通蓖︶ 5 ᠨᠤᠮᠧᠷᠳᠤ᠂ ᠨᠦᠭᠦᠭᠡ ᠨᠢ ᠲᠦᠡᠭᠯᠢᠶᠤᠤ ᠡᠷᠡᠨᠳᠡ ︵通蓖︶ 6 ᠨᠤᠮᠧᠷᠳᠤ ᠪᠤᠯᠤᠨ᠎ᠠ᠃ ᠡᠨᠡ ᠬᠤᠶᠠᠷ ᠰᠤᠷᠲ ᠨᠢ ᠵᠡᠭᠦᠨ | ᠬᠤᠶᠢᠳᠤ ᠶᠢᠨ ᠭᠠᠵᠠᠷ ᠤᠷᠤᠨ ᠳᠤ ᠤᠷᠦ᠋ᠢᠯᠠᠵᠤ ᠪᠠᠶᠢᠨ᠎ᠠ᠃ | ︵2︶ ᠲᠦᠡᠭᠯᠢᠶᠤᠤ ᠡᠷᠡᠨᠳᠡ ︵通蓖︶ 5 ᠨᠤᠮᠧᠷᠳᠤ ᠶᠢ ᠪᠤᠯ ᠲᠦᠡᠭᠯᠢᠶᠤᠤ ᠬᠤᠳᠠ ᠶᠢᠨ ᠲᠠᠷᠢᠶᠠᠯᠠᠩ ᠤᠨ ᠰᠢᠨᠵᠢᠯᠡᠭᠦ ᠤᠬᠠᠭᠠᠨ ᠤ ᠰᠤᠳᠤᠯᠤᠯ ᠤᠨ | ᠭᠠᠵᠠᠷ ᠪᠤᠶᠢᠵᠢᠭᠤᠯᠵᠠᠢ᠃ ᠲᠤᠰ ᠡᠭᠦᠯᠳᠡᠷ ᠪᠤᠯ ᠨᠤᠭᠤᠭᠠᠨ ᠡᠰᠢ ᠲᠠᠢ ᠦᠷᠭᠡᠰᠤᠳᠤ ᠲᠦᠷᠦᠯ ᠤᠨ ᠡᠷᠡᠨᠳᠡ ᠪᠤᠯᠤᠨ᠎ᠠ᠃ ᠴᠢᠭᠢᠯᠡᠭᠦ ᠠᠴᠠ ᠠᠪᠤᠭᠠᠳ ᠭᠤᠤᠯ ᠡᠰᠢᠨ ᠤ | ᠲᠦᠷᠦᠭᠦᠤ ᠨᠢ ᠪᠤᠯᠪᠠᠰᠤᠷᠠᠳᠠᠯ᠎ᠠ 92~102 ᠬᠤᠨᠤᠭ ᠪᠤᠯᠤᠨ᠎ᠠ᠃ ᠲᠤᠮᠳᠠ ᠤᠷᠤᠢ ᠪᠤᠯᠪᠠᠰᠤᠷᠠᠯᠳᠠ ᠶᠢᠨ ᠰᠤᠷᠲ ᠲᠤ ᠬᠠᠷᠢᠶᠠᠯᠬᠠᠳᠠᠨ᠎ᠠ᠃ ᠲᠤᠮᠤ ᠲᠦᠷᠦᠭᠦᠤ | ᠲᠠᠢ᠂ ᠰᠠᠯᠠᠭ᠎ᠠ ᠪᠠᠭ᠎ᠠ ᠲᠠᠢ᠂ ᠰᠠᠭᠤᠷᠢ ᠨᠢ ᠠᠪᠴᠠᠯᠳᠤᠩᠭᠤᠢ᠂ ᠦᠨᠳᠤᠷ ᠢᠶᠠᠷ ᠢᠶᠠᠨ 212cm᠂ ᠭᠤᠤᠯ ᠡᠰᠢ ᠶᠢᠨ ᠲᠦᠷᠦᠭᠦᠤ ᠶᠢᠨ ᠭᠡᠰᠡᠭ ᠨᠢ 78.5cm᠂ | ᠡᠰᠢ ᠶᠢᠨ ᠪᠦᠳᠦᠭᠦᠨ ᠨᠢ 2.43cm᠂ 2~3 ᠰᠠᠯᠠᠭ᠎ᠠ ᠲᠠᠢ᠂ 3~4 ᠪᠦᠳᠦᠮᠵᠢᠳᠡᠢ ᠲᠦᠷᠦᠭᠦᠤ ᠲᠠᠢ᠂ ᠭᠤᠤᠯ ᠡᠰᠢᠨ ᠤ ᠲᠦᠷᠦᠭᠦᠤ ᠶᠢᠨ ᠤᠷᠳᠤ ᠨᠢ | 80~110cm᠂ ᠲᠦᠷᠦᠭᠦᠤ ᠪᠦᠷᠢ ᠶᠢᠨ ᠵᠢᠮᠢᠰ ᠤᠨ ᠲᠤᠭ᠎ᠠ ᠨᠢ 80~120 ᠮᠦᠭᠦᠯᠢᠭ᠃ ᠲᠠᠩ ᠰᠠᠭᠤᠷᠢ ᠨᠢ 550 ᠮᠦᠭᠦᠯᠢᠭ ᠲᠠᠢ᠂ ᠲᠠᠩ | ᠰᠠᠭᠤᠷᠢ ᠶᠢᠨ ᠮᠦᠭᠦᠯᠢᠭ ᠤᠨ ᠭᠦᠨᠳᠤ ᠨᠢ 150g᠂ ᠵᠠᠭᠤᠨ ᠮᠦᠭᠦᠯᠢᠭ ᠤᠨ ᠭᠦᠨᠳᠤ ᠨᠢ 28g᠂ ᠦᠷ᠎ᠡ ᠶᠢᠨ ᠲᠤᠰᠤᠨ ᠤ ᠠᠭᠤᠯᠤᠭᠳᠠᠴᠨ ᠶᠢᠨ ᠨᠤᠷᠮ᠎ᠠ ᠨᠢ | 48%~50% ᠪᠠᠶᠢᠳᠠᠭ᠃ | ᠲᠦᠡᠭᠯᠢᠶᠤᠤ ᠡᠷᠡᠨᠳᠡ ︵通蓖︶ 6 ᠨᠤᠮᠧᠷᠳᠤ ᠶᠢ ᠪᠤᠯ ᠲᠦᠡᠭᠯᠢᠶᠤᠤ ᠬᠤᠳᠠ ᠶᠢᠨ ᠲᠠᠷᠢᠶᠠᠯᠠᠩ ᠤᠨ ᠰᠤᠳᠤᠯᠤᠯ ᠤᠨ ᠭᠠᠵᠠᠷ ᠪᠤᠶᠢᠵᠢᠭᠤᠯᠵᠠᠢ᠃ | ᠴᠢᠭᠢᠯᠡᠭᠦ ᠠᠴᠠ ᠪᠠᠨ ᠠᠪᠤᠭᠠᠳ ᠭᠤᠤᠯ ᠡᠰᠢ ᠶᠢᠨ ᠵᠢᠮᠢᠰ ᠤᠨ ᠲᠦᠷᠦᠭᠦᠤ ᠪᠤᠯᠪᠠᠰᠤᠷᠠᠳᠠᠯ᠎ᠠ 91 ᠬᠤᠨᠤᠭ ᠪᠤᠯᠵᠤ᠂ ᠲᠤᠮᠳᠠ ᠤᠷᠤᠢ ᠪᠤᠯᠪᠠᠰᠤᠷᠠᠯᠳᠠ ᠶᠢᠨ ᠰᠤᠷᠲ | ᠲᠤ ᠬᠠᠷᠢᠶᠠᠯᠬᠠᠳᠠᠨ᠎ᠠ᠃ ᠰᠠᠯᠠᠭ᠎ᠠ ᠪᠠᠭ᠎ᠠ ᠲᠠᠢ᠂ ᠰᠠᠭᠤᠷᠢ ᠨᠢ ᠠᠪᠴᠠᠯᠳᠤᠩᠭᠤᠢ᠂ ᠦᠨᠳᠤᠷ ᠢᠶᠠᠷ ᠢᠶᠠᠨ 216.3cm᠂ ᠭᠤᠤᠯ ᠡᠰᠢ ᠶᠢᠨ ᠲᠦᠷᠦᠭᠦᠤ ᠶᠢᠨ ᠭᠡᠰᠡᠭ | ᠨᠢ 47.3cm᠂ ᠡᠰᠢ ᠶᠢᠨ ᠪᠦᠳᠦᠭᠦᠨ ᠨᠢ 2.28cm᠂ 3~4 ᠰᠠᠯᠠᠭ᠎ᠠ ᠲᠠᠢ᠂ 6~7 ᠪᠦᠳᠦᠮᠵᠢᠳᠡᠢ ᠲᠦᠷᠦᠭᠦᠤ ᠲᠠᠢ᠃ ᠲᠠᠩ ᠰᠠᠭᠤᠷᠢ ᠶᠢᠨ ᠮᠦᠭᠦᠯᠢᠭ | ᠨᠢ 479 ᠮᠦᠭᠦᠯᠢᠭ ᠲᠠᠢ᠂ ᠵᠠᠭᠤᠨ ᠮᠦᠭᠦᠯᠢᠭ ᠤᠨ ᠭᠦᠨᠳᠤ ᠨᠢ 31.7g᠂ ᠲᠠᠩ ᠰᠠᠭᠤᠷᠢ ᠶᠢᠨ ᠮᠦᠭᠦᠯᠢᠭ ᠤᠨ ᠭᠦᠨᠳᠤ ᠨᠢ 152g᠂ ᠦᠷ᠎ᠡ ᠶᠢᠨ ᠲᠤᠰᠤᠨ ᠤ | ᠠᠭᠤᠯᠤᠭᠳᠠᠴᠨ ᠨᠢ 49.2% ᠪᠠᠶᠢᠵᠤ᠂ ᠬᠤᠨᠭ᠍ᠭᠤᠷᠴᠤᠠᠠᠯᠠᠬᠤ ᠪᠠᠷ ᠪᠠᠷᠤᠠᠠᠳᠠᠢ᠂ ᠭᠠᠩ ᠬᠠᠭᠤᠷᠠᠢ ᠪᠠ ᠲᠠᠴᠢᠷ ᠨᠢᠮᠭᠡᠨ ᠭᠠᠵᠠᠷ ᠲᠠᠰᠪᠤᠷᠢᠳᠡᠢ ᠪᠠᠶᠢᠳᠠᠭ᠃ | 3. ᠡᠷᠡᠨᠳᠡ ᠲᠠᠷᠢᠬᠤ ᠳᠤ ᠭᠦᠷᠦᠰᠤ ᠰᠢᠷᠤᠢ ᠶᠢᠨ ᠨᠦᠭᠦᠴᠡᠯ ᠤᠨ ᠲᠠᠯ᠎ᠠ ᠪᠠᠷ ᠶᠠᠮᠠᠷ ᠱᠠᠭᠠᠷᠳᠠᠯᠭ᠎ᠠ ᠲᠠᠢ ᠪᠠᠶᠢᠳᠠᠭ ᠪᠤᠢ︖ | ᠡᠷᠡᠨᠳᠡ ᠪᠤᠯ ᠲᠠᠴᠢᠷ᠂ ᠬᠤᠵᠢᠷᠯᠢᠬ ᠭᠠᠵᠠᠷ ᠲᠤ ᠲᠠᠰᠪᠤᠷᠢᠳᠡᠢ᠂ ᠲᠤᠭᠢᠷᠠᠯᠴᠠᠬᠤ ᠴᠢᠨᠠᠷ ᠢᠶᠠᠷ ᠴᠢᠩᠭ᠎ᠠ᠂ ᠨᠡᠯᠢᠶᠡᠳ ᠪᠦᠳᠦᠭᠦᠯᠢᠭ ᠲᠠᠷᠢᠯᠳᠠ ᠶᠢᠨ ᠲᠠᠷᠢᠮᠡᠯ | ᠪᠤᠯᠤᠨ᠎ᠠ᠃ ᠲᠠᠷᠠ ᠨᠢ ᠭᠦᠷᠦᠰᠤ ᠰᠢᠷᠤᠢ ᠶᠢᠨ ᠨᠦᠭᠦᠴᠡᠯ ᠤᠨ ᠲᠠᠯ᠎ᠠ ᠪᠠᠷ ᠲᠠᠶᠢᠮᠤ ᠴᠢᠩᠭ᠎ᠠ ᠱᠠᠭᠠᠷᠳᠠᠯᠭ᠎ᠠ ᠦᠭᠡᠢ᠂ ᠤᠯᠠᠨ ᠲᠦᠷᠦᠯ ᠤᠨ ᠭᠦᠷᠦᠰᠤ ᠰᠢᠷᠤᠢ ᠳᠤ | ᠴᠦᠮ ᠤᠷᠭᠤᠳᠠᠭ ᠪᠦᠭᠡᠳ ᠭᠦᠷᠦᠰᠤᠨ ᠤ ᠪᠦᠭᠦ ᠲᠠᠪᠤᠰᠤᠯᠢᠭ ᠭᠡᠮᠵᠢᠶ᠎ᠠ ᠨᠢ 0.3% ᠠᠴᠠ ᠲᠤᠷᠤᠠᠠᠰᠢ ᠪᠠᠶᠢᠳᠠᠭ ᠯᠡ ᠶᠤᠮ ᠪᠤᠯ ᠴᠦᠮ ᠡᠷᠡᠨᠳᠡ ᠶᠢᠨ ᠴᠢᠭᠢᠯᠡᠯᠳᠡ᠂ | ᠤᠷᠭᠤᠯᠳᠠ ᠶᠢ ᠨᠦᠯᠦᠭᠡᠯᠡᠳᠡᠭ ᠦᠭᠡᠢ᠃ ᠭᠡᠪᠡᠴᠤ ᠨᠠᠯᠢᠶᠠᠳ ᠰᠠᠶᠢᠨ ᠬᠤᠷᠢᠶᠠᠯᠳᠠ ᠤᠯᠤᠶ᠎ᠠ ᠭᠡᠪᠡᠯ ᠭᠦᠷᠦᠰᠤᠨ ᠲᠠᠪᠬᠤᠷᠭ᠎ᠠ ᠨᠢ ᠵᠤᠵᠠᠭᠠᠨ᠂ ᠭᠡᠢ ᠨᠡᠪᠳᠡᠷᠡᠭᠦ ᠨᠢ | ᠰᠠᠶᠢᠨ᠂ ᠤᠷᠭᠠᠨᠢᠭ ᠪᠤᠳᠠᠰ ᠤᠨ ᠠᠭᠤᠯᠤᠭᠳᠠᠴᠨ ᠪᠠᠷ ᠡᠯᠪᠡᠭ᠂ ᠭᠦᠴᠢᠯ ᠬᠤᠵᠢᠷ ᠤᠨ ᠭᠡᠮᠵᠢᠶ᠎ᠠ ᠨᠢ ᠲᠤᠭᠢᠷᠠᠮᠵᠢᠳᠡᠢ ᠭᠠᠵᠠᠷ ᠢ ᠰᠤᠩᠭᠤᠨ ᠲᠠᠷᠢᠪᠠᠯ ᠵᠤᠭᠢᠨ᠎ᠠ᠃ | 4. ᠭᠦᠷᠦᠰᠤ ᠰᠢᠷᠤᠢ ᠶᠢ ᠬᠠᠭᠠᠯᠪᠤᠷᠢᠯᠠᠬᠤ ᠲᠠᠯ᠎ᠠ ᠪᠠᠷ ᠶᠠᠮᠠᠷ ᠱᠠᠭᠠᠷᠳᠠᠯᠭ᠎ᠠ ᠲᠠᠢ ᠪᠠᠶᠢᠳᠠᠭ ᠪᠤᠢ︖ | ᠭᠦᠨ ᠤᠷᠪᠠᠭᠤᠯᠤᠨ ᠲᠡᠭᠰᠢᠯᠡᠭᠦ ᠪᠤᠯ ᠵᠠᠩᠭᠢᠯᠠᠭ᠎ᠠ ᠪᠤᠯᠤᠨ᠎ᠠ᠃ ᠭᠦᠨ ᠤᠷᠪᠠᠭᠤᠯᠬᠤ ᠨᠢ ᠡᠷᠡᠨᠳᠡ ᠶᠢᠨ ᠦᠨᠳᠤᠰᠤᠨ ᠰᠢᠰᠲ᠋ᠧᠮ ᠤᠨ ᠦᠰᠦᠯᠳᠡ ᠳᠤ | ᠠᠰᠢᠠᠠᠳᠠᠢ᠂ ᠢᠯᠠᠩᠭᠤᠶ᠎ᠠ ᠨᠢᠠᠠᠳᠠ ᠲᠠᠷᠢᠠᠠᠰᠠᠨ ᠨᠦᠭᠦᠴᠡᠯ ᠲᠤᠤᠷ᠎ᠡ ᠭᠦᠨ ᠤᠷᠪᠠᠭᠤᠯᠬᠤ ᠨᠢ ᠡᠷᠡᠨᠳᠡ ᠶᠢᠨ ᠦᠨᠳᠤᠷ ᠤᠨᠠᠯᠳᠠ ᠶᠢ ᠪᠠᠳᠤᠯᠠᠬᠤ ᠪᠦᠳᠦᠮᠵᠢᠳᠡᠢ ᠠᠷᠭ᠎ᠠ | ᠭᠡᠮᠵᠢᠶ᠎ᠠ ᠪᠤᠯᠤᠨ᠎ᠠ᠃ ᠬᠤᠳᠤᠭᠤᠷ ᠬᠤᠵᠢᠷᠯᠢᠬ ᠭᠠᠵᠠᠷ ᠲᠤ ᠪᠤᠯ ᠤᠷᠪᠠᠭᠤᠯᠤᠯᠳᠠ ᠲᠠᠢ ᠪᠠᠨ ᠤᠶᠠᠯᠳᠤᠭᠤᠯᠤᠨ ᠭᠦᠷᠦᠰᠤ ᠰᠢᠷᠤᠢ ᠶᠢ ᠰᠠᠶᠢᠵᠢᠷᠠᠭᠤᠯᠵᠤ᠂ ᠭᠤᠤᠯ ᠤᠨ | ᠬᠤᠷᠠᠮᠠᠯ ᠰᠢᠷᠤᠢ᠂ ᠰᠠᠯᠭᠢᠨ ᠤ ᠬᠤᠷᠠᠮᠠᠯ ᠰᠢᠷᠤᠢ᠂ ᠡᠪᠡᠰᠤ ᠨᠡᠭᠦᠷᠡᠰᠤᠳᠤ ᠰᠢᠷᠤᠢ᠂ ᠰᠢᠭᠡᠭ ᠪᠤᠷᠳᠤᠭᠤᠷ ᠵᠡᠷᠭᠡ ᠶᠢ ᠤᠷᠤᠭᠤᠯᠵᠤ᠂ ᠤᠷᠪᠠᠭᠤᠯᠤᠨ ᠨᠠᠷᠬᠠᠳᠠᠬᠤ ᠲᠠᠢ | ᠤᠶᠠᠯᠳᠤᠭᠤᠯᠤᠨ ᠭᠦᠷᠦᠰᠤ ᠰᠢᠷᠤᠢ ᠲᠠᠢ ᠭᠦᠢᠴᠡᠳ ᠬᠤᠯᠢᠵᠤ᠂ ᠭᠦᠷᠦᠰᠤᠨ ᠲᠠᠪᠬᠤᠷᠭ᠎ᠠ ᠶᠢᠨ ᠭᠢᠮᠢ ᠹᠢᠽᠢᠺ ᠤᠨ ᠴᠢᠨᠠᠷ ᠢ ᠰᠠᠶᠢᠵᠢᠷᠠᠭᠤᠯᠵᠤ᠂ ᠡᠷᠡᠨᠳᠡ ᠶᠢᠨ ᠡᠯᠪᠡᠭ | ᠬᠤᠷᠢᠶᠠᠯᠳᠠ ᠤᠯᠬᠤ ᠳᠤ ᠠᠰᠢᠠᠠᠳᠠᠢ ᠪᠤᠯᠭᠠᠬᠤ ᠭᠡᠷᠡᠭᠳᠡᠢ᠃ | 5. ᠡᠷᠡᠨᠳᠡ ᠲᠠᠷᠢᠬᠤ ᠭᠠᠵᠠᠷ ᠲᠠᠯᠠᠪᠤᠷ ᠢ ᠶᠠᠮᠠᠷ ᠴᠠᠭ ᠲᠤ ᠲᠡᠭᠰᠢᠯᠡᠪᠡᠯ ᠵᠤᠭᠢᠰᠳᠡᠢ ᠪᠤᠢ︖ | ᠭᠠᠵᠠᠷ ᠲᠠᠯᠠᠪᠠᠢ ᠲᠡᠭᠰᠢᠯᠡᠭᠦ ᠴᠠᠭ ᠤᠨ ᠲᠠᠯ᠎ᠠ ᠪᠠᠷ ᠨᠠᠮᠤᠷ ᠤᠷᠪᠠᠭᠤᠯᠪᠠᠯ ᠬᠠᠮᠤᠭ ᠤᠨ ᠰᠠᠶᠢᠨ᠃ ᠲᠤᠬᠠᠶᠢᠯᠠᠪᠠᠯ ᠭᠠᠵᠠᠷ ᠲᠡᠭᠰᠢᠯᠡᠭᠦ᠂ ᠨᠠᠷᠬᠠᠳᠠᠬᠤ᠂ | ᠲᠠᠳᠠᠭᠠᠯ ᠭᠠᠷᠭᠠᠬᠤ ᠠᠵᠢᠯ ᠤᠳ ᠢ ᠨᠠᠮᠤᠷ ᠪᠦᠭᠦᠨ ᠢ ᠭᠢᠵᠤ ᠲᠠᠭᠤᠰᠬᠠᠨ᠎ᠠ᠃ ᠡᠯᠡᠰᠤ ᠰᠠᠯᠭᠢ ᠰᠦᠷᠡᠭᠡᠢ ᠶᠡᠭᠡ ᠭᠠᠵᠠᠷ ᠪᠤᠯ ᠤᠤᠯ ᠭᠤᠤᠷᠰᠤ ᠶᠢ ᠨᠢ ᠦᠯᠡᠳᠡᠭᠡᠨ | ᠡᠪᠤᠯᠵᠢᠭᠦᠯᠵᠤ᠂ ᠬᠠᠪᠤᠷ ᠭᠦᠢᠭᠡᠨ ᠬᠠᠭᠠᠯᠪᠤᠷᠢᠯᠡᠨ ᠭᠤᠤᠷᠰᠤ ᠶᠢ ᠨᠢ ᠠᠷᠢᠯᠭᠠᠵᠤ᠂ ᠴᠢᠭᠢᠭ ᠤᠨ ᠪᠠᠶᠢᠳᠠᠯ ᠢ ᠦᠵᠡᠨ ᠲᠠᠷᠢᠨ᠎ᠠ᠃ | 6. ᠲᠠᠷᠢᠬᠤ ᠠᠴᠠ ᠪᠠᠨ ᠡᠮᠦᠨ᠎ᠠ ᠶᠠᠮᠠᠷ ᠪᠡᠯᠡᠳᠭᠡᠯ ᠠᠵᠢᠯ ᠭᠢᠭᠦ ᠪᠤᠢ︖ | ᠬᠠᠮᠤᠭ ᠤᠨ ᠴᠢᠬᠤᠯᠠ ᠨᠢ ᠦᠷ᠎ᠡ ᠪᠠᠨ ᠨᠠᠷᠢᠯᠢᠬ ᠰᠤᠩᠭᠤᠬᠤ ᠪᠠ ᠦᠷ᠎ᠡ ᠪᠠᠨ ᠰᠢᠢᠳᠪᠤᠷᠢᠯᠡᠭᠦ ᠠᠵᠢᠯ ᠢ ᠰᠠᠶᠢᠳᠤᠷ ᠭᠢᠭᠦ ᠭᠡᠷᠡᠭᠳᠡᠢ᠃ | 7. ᠦᠷ᠎ᠡ ᠶᠢ ᠭᠡᠷᠭᠢᠨ ᠨᠠᠷᠢᠯᠢᠬ ᠰᠤᠩᠭᠤᠬᠤ ᠪᠤᠢ︖ | ᠦᠷ᠎ᠡ ᠶᠢ ᠨᠠᠷᠢᠯᠢᠬ ᠰᠤᠩᠭᠤᠬᠤ ᠠᠷᠭ᠎ᠠ ᠭᠡᠪᠡᠯ ᠭᠤᠤᠯ ᠨᠢ ᠮᠦᠭᠦᠯᠢᠭ ᠰᠤᠩᠭᠤᠬᠤ᠂ ᠴᠡᠪᠡᠷ ᠤᠰᠤ ᠪᠠᠷ ᠰᠤᠩᠭᠤᠬᠤ᠂ ᠰᠢᠪᠠᠷ ᠲᠠᠢ ᠤᠰᠤ ᠪᠠᠷ | ᠰᠤᠩᠭᠤᠬᠤ ᠪᠤᠶᠤ ᠲᠠᠪᠤᠰᠤ ᠲᠠᠢ ᠤᠰᠤ ᠪᠠᠷ ᠰᠤᠩᠭᠤᠬᠤ ᠠᠷᠭ᠎ᠠ ᠪᠠᠷ ᠦᠷ᠎ᠡ ᠮᠦᠭᠦᠯᠢᠭ ᠨᠢ ᠴᠠᠳᠬᠤᠯᠠᠩ᠂ ᠰᠢᠨ᠎ᠠ ᠰᠤᠷᠭᠤᠭ᠂ ᠲᠤᠮᠤ ᠵᠢᠵᠢᠭ ᠨᠢ ᠲᠡᠩᠴᠡᠭᠦᠨ᠂ | ᠵᠢᠷᠤᠭᠠᠰᠤ ᠨᠢ ᠠᠳᠠᠯᠢ᠂ ᠭᠡᠷᠡᠯ ᠭᠢᠯᠪᠠᠭ᠎ᠠ ᠲᠠᠢ ᠦᠷ᠎ᠡ ᠶᠢ ᠰᠤᠩᠭᠤᠬᠤ ᠪᠠ ᠦᠷ᠎ᠡ ᠶᠢᠨ ᠰᠤᠶᠤᠭᠠᠯᠠᠯᠳᠠ ᠶᠢᠨ ᠨᠤᠷᠮ᠎ᠠ ᠶᠢ ᠭᠡᠮᠵᠢᠨ ᠲᠤᠠᠠᠳᠠᠭᠠᠵᠤ᠂ ᠰᠤᠶᠤᠭᠠᠯᠠᠬᠤ | ᠨᠤᠷᠮ᠎ᠠ ᠨᠢ ᠦᠨᠳᠤᠷ᠂ ᠴᠢᠭᠢ ᠨᠢ ᠵᠢᠭᠳᠡ᠂ ᠴᠢᠭᠢ ᠨᠢ ᠢᠳᠡᠷᠡᠭᠦᠨ ᠪᠠᠶᠢᠬᠤ ᠶᠢ ᠪᠠᠳᠤᠯᠠᠵᠤ᠂ ᠡᠭᠦᠨ ᠢᠶᠠᠷ ᠲᠠᠮᠵᠢᠨ ᠤᠨᠠᠯᠳᠠ ᠶᠢ ᠨᠢ ᠲᠡᠭᠡᠭᠰᠢᠯᠡᠭᠦᠯᠭᠦ ᠭᠡᠷᠡᠭᠳᠡᠢ᠃ | 8. ᠰᠤᠩᠭᠤᠠᠠᠰᠠᠨ ᠦᠷ᠎ᠡ ᠪᠠᠨ ᠭᠡᠷᠭᠢᠨ ᠰᠢᠢᠳᠪᠤᠷᠢᠯᠡᠭᠦ ᠪᠤᠢ︖ | ᠲᠠᠷᠢᠬᠤ ᠠᠴᠠ ᠡᠮᠦᠨ᠎ᠠ ᠦᠷ᠎ᠡ ᠶᠢ ᠰᠢᠢᠳᠪᠤᠷᠢᠯᠡᠭᠦ ᠳᠤ ᠭᠤᠤᠯ ᠨᠢ ᠦᠷ᠎ᠡ ᠪᠠᠨ ᠬᠠᠳᠠᠭᠠᠬᠤ᠂ ᠦᠷ᠎ᠡ ᠪᠠᠨ ᠲᠡᠪᠳᠦᠭᠡᠵᠤ ᠰᠤᠶᠤᠭᠠᠯᠠᠭᠤᠯᠬᠤ ᠪᠠ ᠦᠷ᠎ᠡ | ᠪᠠᠨ ᠡᠮ ᠲᠠᠢ ᠪᠠᠭᠰᠤᠷᠬᠤ ᠵᠡᠷᠭᠡ ᠪᠠᠭᠳᠠᠨ᠎ᠠ᠃ ︵1︶ ᠦᠷ᠎ᠡ ᠪᠠᠨ ᠬᠠᠳᠠᠭᠠᠬᠤ᠄ ᠲᠤᠩᠭᠠᠯᠠᠭ ᠡᠳᠤᠷ ᠢ ᠰᠤᠩᠭᠤᠨ ᠰᠤᠩᠭᠤᠠᠠᠰᠠᠨ ᠦᠷ᠎ᠡ ᠪᠠᠨ ᠲᠡᠯᠭᠡᠵᠤ᠂ 2~3 | ᠡᠳᠤᠷ ᠬᠠᠳᠠᠭᠠᠵᠤ᠂ ᠡᠳᠤᠷ ᠪᠦᠷᠢ 2~3 ᠤᠳᠠᠭ᠎ᠠ ᠡᠷᠭᠢᠭᠦᠯᠵᠤ ᠤᠷᠪᠠᠭᠤᠯᠤᠨ᠎ᠠ᠃ ︵2︶ ᠦᠷ᠎ᠡ ᠪᠠᠨ ᠠᠷᠢᠭᠤᠳᠬᠠᠬᠤ᠄ ᠴᠤᠬᠤᠢ ᠶᠢᠨ ᠵᠢᠭᠤᠷᠠᠮᠠᠭ ᠲᠤ ᠦᠷ᠎ᠡ | ᠪᠠᠨ ᠪᠠᠭᠰᠤᠷᠤᠨ ᠠᠷᠢᠭᠤᠳᠬᠠᠨ᠎ᠠ᠃ ᠪᠠᠰᠠ 40% ᠶᠢᠨ ᠹᠤᠷᠮᠠᠯᠢᠨ ᠡᠮ ᠳᠤ 1∶300 ᠶᠢᠨ ᠬᠠᠷᠢᠴᠠᠯ ᠢᠶᠠᠷ ᠤᠰᠤ ᠬᠤᠯᠢᠵᠤ ᠠᠷᠢᠭᠤᠳᠬᠠᠯ ᠤᠨ ᠰᠢᠩᠭᠡᠨ ᠢ | ᠨᠠᠶᠢᠷᠠᠭᠤᠯᠵᠤ᠂ ᠦᠷ᠎ᠡ ᠪᠠᠨ ᠵᠢᠭᠳᠡ ᠳᠤᠨᠢ ᠨᠤᠷᠭᠠᠵᠤ᠂ 3 ᠴᠠᠭ ᠪᠦᠷᠢᠵᠤ ᠲᠠᠯᠪᠢᠨ᠎ᠠ᠃ ︵3︶ ᠦᠷ᠎ᠡ ᠪᠠᠨ ᠲᠠᠪᠳᠦᠭᠡᠵᠤ ᠰᠤᠶᠤᠭᠠᠯᠠᠭᠤᠯᠬᠤ᠄ ᠲᠠᠷᠢᠬᠤ ᠠᠴᠠ ᠪᠠᠨ | 2~3 ᠡᠳᠤᠷ ᠤᠨ ᠡᠮᠦᠨ᠎ᠠ 45℃ ᠤᠨ ᠬᠠᠯᠠᠭᠤᠨ ᠤᠰᠤᠨ ᠳᠤ ᠦᠷ᠎ᠡ ᠪᠠᠨ 4 ᠴᠠᠭ ᠲᠠᠪᠳᠦᠭᠡᠭᠦ ᠪᠤᠶᠤ 25℃ ᠤᠨ ᠬᠠᠯᠠᠭᠤᠨ ᠤᠰᠤᠨ ᠳᠤ ᠡᠳᠤᠷ ᠰᠦᠨᠢ | ᠲᠠᠪᠳᠦᠭᠡᠨ᠂ 5~6 ᠤᠳᠠᠭ᠎ᠠ ᠭᠦᠳᠡᠯᠭᠡᠵᠤ᠂ ᠲᠠᠪᠳᠦᠭᠡᠭᠰᠡᠨ ᠤ ᠰᠡᠭᠦᠯᠡᠷ ᠦᠷ᠎ᠠ ᠪᠠᠨ 25℃ ᠤᠨ ᠲᠤᠯᠠᠭᠠᠨ ᠦᠷᠦᠭᠡᠨ ᠳᠤ ᠡᠳᠤᠷ ᠰᠦᠨᠢ ᠲᠠᠯᠪᠢᠨ | ᠰᠤᠶᠤᠭᠠᠯᠠᠭᠤᠯᠬᠤ ᠪᠠ ᠭᠡᠳᠦᠨᠳᠡ ᠤᠷᠪᠠᠭᠤᠯᠤᠨ ᠭᠦᠳᠡᠯᠭᠡᠵᠤ᠂ ᠦᠷ᠎ᠡ ᠶᠢᠨ ᠬᠠᠯᠢᠰᠤ ᠨᠢ ᠬᠠᠭᠠᠷᠠᠪᠠᠯ ᠲᠠᠷᠠ ᠲᠠᠷᠤᠢ ᠳᠤᠨᠢ ᠲᠠᠷᠢᠨ᠎ᠠ᠃ | 9. ᠠᠯᠢ ᠴᠠᠭ ᠦᠶ᠎ᠠ ᠳᠤ ᠲᠠᠷᠢᠪᠠᠯ ᠵᠤᠭᠢᠬᠤ ᠪᠤᠢ︖ | ᠡᠷᠡᠨᠳᠡ ᠶᠢᠨ ᠦᠷ᠎ᠡ ᠶᠢᠨ ᠰᠤᠶᠤᠭᠠᠯᠠᠯᠳᠠ ᠳᠤ ᠲᠤᠯᠠᠭᠠᠨ ᠤ ᠭᠡᠮᠵᠢᠶ᠎ᠠ ᠨᠢ 12℃~15℃ ᠪᠠᠶᠢᠪᠠᠯ ᠲᠤᠭᠢᠷᠠᠮᠵᠢᠳᠡᠢ᠃ ᠦᠭᠡᠷ᠎ᠡ ᠪᠠᠷ ᠭᠡᠯᠡᠪᠡᠯ ᠡᠷᠡᠨᠳᠡ | ᠲᠠᠷᠢᠬᠤ ᠦᠶ᠎ᠠ ᠳᠤ ᠭᠦᠷᠦᠰᠤᠨ ᠤ ᠲᠤᠯᠠᠭᠠᠨ ᠤ ᠭᠡᠮᠵᠢᠶ᠎ᠠ ᠨᠢ 10℃ ᠠᠴᠠ ᠲᠡᠭᠡᠭᠰᠢ ᠪᠠᠶᠢᠬᠤ ᠭᠡᠷᠡᠭᠳᠡᠢ᠃ ᠲᠦᠡᠭᠯᠢᠶᠤᠤ ᠶᠢᠨ ᠭᠠᠵᠠᠷ ᠤᠷᠤᠨ ᠳᠤ ᠶᠠᠷᠦᠩᠭᠡᠢ ᠳᠡᠭᠡᠨ | 4 ᠳ᠋ᠤᠭᠡᠷ ᠰᠠᠷ᠎ᠠ ᠶᠢᠨ 15~25 ᠤ ᠡᠳᠤᠷ ᠤᠨ ᠬᠤᠭᠤᠷᠤᠨᠳᠤ ᠲᠠᠷᠢᠪᠡᠯ ᠮᠠᠰᠢ ᠲᠤᠭᠢᠷᠠᠮᠵᠢᠳᠡᠢ᠃ ᠬᠤᠵᠢᠷᠯᠢᠬ ᠭᠠᠵᠠᠷ᠂ ᠰᠠᠯᠭᠢ ᠶᠡᠭᠡᠳᠡᠢ ᠭᠠᠵᠠᠷ ᠪᠠ ᠨᠦᠢᠳᠡᠨ | ᠰᠡᠷᠢᠭᠦᠨ ᠭᠠᠵᠠᠷ ᠲᠤ ᠪᠤᠯ 4 ᠳ᠋ᠤᠭᠡᠷ ᠰᠠᠷ᠎ᠠ ᠶᠢᠨ ᠰᠡᠭᠦᠯᠴᠢ 5 ᠳ᠋ᠤᠭᠠᠷ ᠰᠠᠷ᠎ᠠ ᠶᠢᠨ ᠡᠭᠢ ᠪᠠᠷ ᠬᠤᠶᠢᠰᠢᠯᠠᠭᠤᠯᠤᠨ ᠲᠠᠷᠢᠵᠤ ᠪᠤᠯᠤᠨ᠎ᠠ᠃ | 10. ᠶᠠᠮᠠᠷ ᠠᠷᠭ᠎ᠠ ᠭᠡᠯᠪᠡᠷᠢ ᠪᠠᠷ ᠲᠠᠷᠢᠬᠤ ᠪᠤᠢ︖ | ᠤᠳᠤᠬᠠᠨ ᠳᠤ ᠡᠷᠡᠨᠳᠡ ᠲᠠᠷᠢᠬᠤ ᠳᠠᠭᠠᠨ ᠤᠯᠠᠩᠭᠢ ᠨᠢ ᠭᠦᠨ ᠭᠤᠤᠴᠢᠯᠠᠵᠤ᠂ ᠭᠦᠢᠭᠡᠨ ᠰᠢᠷᠤᠢ ᠬᠤᠴᠢᠬᠤ ᠠᠷᠭ᠎ᠠ ᠶᠢ ᠭᠡᠷᠡᠭᠯᠡᠵᠤ ᠪᠠᠶᠢᠨ᠎ᠠ᠃ ᠭᠡᠪᠡᠴᠤ | ᠬᠠᠮᠤᠭ ᠤᠨ ᠰᠠᠶᠢᠨ ᠨᠢ ᠬᠠᠰᠢ ᠯᠠ ᠨᠠᠷᠢᠯᠢᠬ ᠲᠠᠷᠢᠬᠤ ᠮᠠᠰᠢᠨ ᠢᠶᠠᠷ ᠲᠠᠷᠢᠪᠠᠯ ᠰᠠᠶᠢᠨ ᠶᠤᠮ᠃ ᠲᠠᠷᠢᠬᠤ ᠳᠠᠭᠠᠨ 3~5cm ᠭᠦᠨ ᠲᠠᠷᠢᠵᠤ᠂ ᠲᠠᠷᠢᠮᠬᠠᠴᠠ ᠪᠠᠨ | ᠲᠠᠷᠦ᠋ᠢᠬᠠᠨ ᠰᠠᠶᠢᠳᠤᠷ ᠲᠠᠷᠤᠵᠤ᠂ ᠰᠠᠯᠭᠢ ᠨᠡᠪᠳᠡᠷᠡᠨ ᠰᠤᠶᠤᠭᠠᠯᠠᠬᠤ ᠶᠢ ᠨᠦᠯᠦᠭᠡᠯᠡᠭᠦ ᠠᠴᠠ ᠰᠡᠷᠭᠡᠶᠢᠯᠡᠭᠦ ᠭᠡᠷᠡᠭᠳᠡᠢ᠃ | 11. ᠲᠠᠷᠢᠬᠤ ᠦᠶᠡᠰ ᠪᠤᠷᠳᠤᠭᠤᠷ ᠶᠠᠭᠠᠭᠢᠵᠤ ᠤᠷᠤᠭᠤᠯᠬᠤ ᠪᠤᠢ︖ ᠶᠠᠮᠠᠷ ᠪᠤᠷᠳᠤᠭᠤᠷ ᠤᠷᠤᠭᠤᠯᠪᠠᠯ ᠲᠤᠭᠢᠷᠠᠮᠵᠢᠳᠡᠢ ᠪᠤᠢ︖ | ᠪᠤᠷᠳᠤᠭᠤᠷ ᠤᠷᠤᠭᠤᠯᠬᠤ ᠳᠠᠭᠠᠨ ᠡᠷᠭᠡᠪᠰᠢ ᠪᠤᠷᠳᠤᠭᠤᠷ ᠢ ᠰᠢᠨᠵᠢᠯᠡᠭᠦ ᠤᠬᠠᠭᠠᠠᠴᠢ ᠪᠠᠷ ᠭᠡᠷᠡᠭᠯᠡᠵᠤ᠂ ᠰᠠᠭᠤᠷᠢ ᠪᠤᠷᠳᠤᠭᠤᠷ ᠭᠦᠢᠴᠡᠳ ᠤᠷᠤᠭᠤᠯᠬᠤ᠂ | ᠦᠷ᠎ᠡ ᠶᠢᠨ ᠪᠤᠷᠳᠤᠭᠤᠷ ᠤᠷᠤᠭᠤᠯᠬᠤ ᠶᠢ ᠴᠢᠬᠤᠯᠠᠴᠢᠯᠠᠬᠤ᠂ ᠲᠤᠭᠢᠳᠡᠢ ᠴᠠᠭ ᠲᠤᠨᠢ ᠪᠤᠷᠳᠤᠭᠤᠷ ᠨᠦᠭᠦᠵᠤ ᠤᠷᠤᠭᠤᠯᠬᠤ ᠭᠤᠷᠪᠡᠨ ᠵᠠᠩᠭᠢᠯᠠᠭ᠎ᠠ ᠶᠢ ᠴᠢᠩᠭ᠎ᠠ | ᠠᠳᠬᠤᠬᠤ ᠭᠡᠷᠡᠭᠳᠡᠢ᠃ | ︵1︶ ᠰᠠᠭᠤᠷᠢ ᠪᠤᠷᠳᠤᠭᠤᠷ ᠭᠦᠢᠴᠡᠳ ᠤᠷᠤᠭᠤᠯᠬᠤ ᠪᠤᠯ ᠲᠠᠷᠢᠬᠤ ᠠᠴᠠ ᠡᠮᠦᠨ᠎ᠠ ᠪᠤᠷᠳᠤᠭᠤᠷ ᠤᠷᠤᠭᠤᠯᠬᠤ ᠶᠢᠨ ᠪᠠᠷᠢᠮᠵᠢᠶ᠎ᠠ ᠮᠦᠨ᠃ ᠶᠠᠷᠤ ᠶᠢᠨ | ᠪᠠᠶᠢᠳᠠᠯ ᠲᠤᠤᠷ᠎ᠠ ᠮᠤ᠋ ᠪᠦᠷᠢ ᠢᠯᠵᠠᠷᠬᠠᠰᠠᠨ ᠴᠢᠨᠠᠷ ᠰᠠᠶᠢᠳᠠᠢ ᠰᠢᠭᠡᠭ ᠪᠤᠷᠳᠤᠭᠤᠷ ᠢ 1000~2000kg ᠤᠷᠤᠭᠤᠯᠬᠤ ᠪᠠ ᠪᠠᠭ᠎ᠠ ᠭᠡᠮᠵᠢᠶᠠᠨ ᠤ ᠲᠦᠷᠭᠡᠨ | ᠦᠢᠯᠡᠳᠦᠯᠳᠤ ᠭᠢᠮᠢ ᠶᠢᠨ ᠪᠤᠷᠳᠤᠭᠤᠷ ᠤᠷᠤᠭᠤᠯᠤᠨ᠎ᠠ᠃ ᠤᠷᠤᠭᠤᠯᠬᠤ ᠠᠷᠭ᠎ᠠ ᠶᠢᠨ ᠲᠠᠯ᠎ᠠ ᠪᠠᠷ ᠭᠤᠤᠯ ᠨᠢ ᠰᠠᠴᠤᠵᠤ ᠤᠷᠤᠭᠤᠯᠬᠤ᠂ ᠵᠤᠷᠠᠭᠠᠠᠯᠠᠨ ᠤᠷᠤᠭᠤᠯᠬᠤ ᠪᠠ | ᠨᠦᠭᠡᠯᠡᠨ ᠤᠷᠤᠭᠤᠯᠬᠤ ᠠᠷᠭ᠎ᠠ ᠶᠢ ᠭᠡᠷᠡᠭᠯᠡᠨ᠎ᠡ᠃ | ︵2︶ ᠦᠷ᠎ᠡ ᠶᠢᠨ ᠪᠤᠷᠳᠤᠭᠤᠷ ᠤᠷᠤᠭᠤᠯᠬᠤ ᠳᠤ ᠲᠦᠷᠭᠡᠨ ᠦᠢᠯᠡᠳᠦᠯᠳᠤ ᠪᠤᠷᠳᠤᠭᠤᠷ ᠢᠶᠠᠷ ᠭᠤᠤᠯ ᠪᠤᠯᠭᠠᠵᠤ᠂ ᠭᠤᠤᠯ ᠨᠢ ᠰᠢᠭᠡᠰᠦᠯᠢᠭ ᠡᠳ᠋᠂ ᠭᠦᠭᠦᠷ | ᠭᠦᠴᠢᠯ ᠤᠨ ᠠᠮᠮᠤᠨᠢ᠂ ᠭᠦᠭᠦᠷ ᠭᠦᠴᠢᠯ ᠤᠨ ᠬᠤᠶᠠᠷᠴᠢ ᠠᠮᠮᠤᠨᠢ᠂ ᠭᠦᠭᠦᠷ ᠭᠦᠴᠢᠯ ᠤᠨ ᠺᠠᠯᠢ ᠵᠢᠴᠢ ᠢᠯᠵᠠᠷᠠᠮᠠᠯ ᠰᠢᠭᠡᠭ ᠪᠤᠷᠳᠤᠭᠤᠷ ᠢ ᠤᠷᠤᠭᠤᠯᠤᠨ᠎ᠠ᠃ ᠲᠦᠷᠭᠡᠨ | ᠦᠢᠯᠡᠳᠦᠯᠳᠤ ᠪᠤᠷᠳᠤᠭᠤᠷ ᠤᠷᠤᠭᠤᠯᠬᠤ ᠳᠠᠭᠠᠨ ᠡᠷᠭᠡᠪᠰᠢ ᠦᠷ᠎ᠡ ᠠᠴᠠ 10~15cm ᠵᠠᠶᠢᠳᠠᠢ ᠤᠷᠤᠭᠤᠯᠵᠤ᠂ ᠦᠷ᠎ᠡ ᠴᠢᠭᠢ ᠰᠢᠳ᠋ᠬᠠᠳᠠᠬᠤ ᠠᠴᠠ ᠰᠡᠷᠭᠡᠶᠢᠯᠡᠭᠦ | ᠭᠡᠷᠡᠭᠳᠡᠢ᠃ | ︵3︶ ᠡᠷᠨᠨᠳᠡ ᠶᠢᠨ ᠰᠠᠭᠤᠷᠢ ᠨᠢ ᠲᠤᠮᠤ᠂ ᠤᠷᠭᠤᠯᠳᠠ ᠶᠢᠨ ᠬᠤᠭᠤᠴᠠᠭ᠎ᠠ ᠨᠢ ᠤᠷᠳᠤ ᠪᠠᠶᠢᠳᠠᠭ ᠪᠤᠯᠬᠤᠷ ᠲᠠᠩ ᠭᠠᠭᠴᠠ ᠰᠠᠭᠤᠷᠢ ᠪᠤᠷᠳᠤᠭᠤᠷ᠂ | ᠦᠷ᠎ᠡ ᠶᠢᠨ ᠪᠤᠷᠳᠤᠭᠤᠷ ᠤᠷᠤᠭᠤᠯᠬᠤ ᠳᠤ ᠲᠦᠰᠢᠭᠯᠡᠭᠡᠳ ᠤᠷᠭᠤᠯᠳᠠ ᠪᠤᠶᠢᠵᠢᠯᠳᠡ ᠶᠢᠨ ᠭᠢᠨᠢ ᠭᠡᠷᠡᠭᠴᠡᠭᠡ ᠶᠢ ᠬᠠᠨᠭ᠍ᠭᠠᠵᠤ ᠲᠠᠶᠢᠯᠭᠦ ᠦᠭᠡᠢ ᠶᠤᠮ᠃ ᠡᠶᠢᠮᠤ ᠠᠴᠠ | ᠡᠷᠭᠡᠪᠰᠢ ᠴᠠᠭ ᠲᠤᠨᠢ ᠲᠤᠭᠢᠷᠠᠭᠤᠯᠤᠨ ᠪᠤᠷᠳᠤᠭᠤᠷ ᠨᠦᠭᠦᠨ ᠤᠷᠤᠭᠤᠯᠬᠤ ᠭᠡᠷᠡᠭᠳᠡᠢ᠃ ᠰᠠᠭᠤᠷᠢ ᠪᠤᠷᠳᠤᠭᠤᠷ ᠪᠠᠭ᠎ᠠ ᠲᠠᠢ ᠲᠠᠴᠢᠷ ᠭᠠᠵᠠᠷ ᠲᠤ ᠬᠤᠶᠠᠷ ᠤᠳᠠᠭ᠎ᠠ | ᠪᠤᠷᠳᠤᠭᠤᠷ ᠨᠦᠭᠦᠨ ᠤᠷᠤᠭᠤᠯᠵᠤ᠂ ᠴᠢᠭᠢ ᠲᠤᠠᠠᠳᠠᠭᠠᠬᠤ ᠬᠤᠭᠤᠴᠠᠭ᠎ᠠ ᠪᠠ ᠲᠦᠷᠤᠬᠦᠳᠤᠬᠦ ᠬᠤᠭᠤᠴᠠᠭᠠᠨ ᠳᠤᠨᠢ ᠮᠤ᠋ ᠪᠦᠷᠢ ᠤᠳᠠᠭ᠎ᠠ ᠪᠦᠷᠢ 5~7.5kg | ᠰᠢᠭᠡᠰᠦᠯᠢᠭ ᠡᠳ᠋ ᠨᠦᠭᠦᠨ ᠤᠷᠤᠭᠤᠯᠬᠤ ᠭᠡᠷᠡᠭᠳᠡᠢ᠃ ᠪᠤᠷᠳᠤᠭᠤᠷ ᠰᠠᠶᠢᠳᠠᠢ ᠭᠠᠵᠠᠷ ᠲᠤ ᠪᠤᠯ ᠴᠤᠮᠤᠷᠯᠢᠠᠠᠵᠢᠬᠤ ᠦᠶ᠎ᠠ ᠳᠤᠨᠢ ᠵᠤᠭᠢᠰᠳᠡᠢ ᠪᠠᠷ ᠪᠤᠷᠳᠤᠭᠤᠷ ᠨᠦᠭᠦᠨ | ᠤᠷᠤᠭᠤᠯᠬᠤ ᠭᠡᠷᠡᠭᠳᠡᠢ᠃ ᠭᠡᠭᠦ ᠳᠡᠭᠡᠨ ᠭᠡᠵᠢᠶ᠎ᠠ ᠪᠤᠷᠳᠤᠭᠤᠷ ᠨᠦᠭᠦᠨ ᠤᠷᠤᠭᠤᠯᠤᠠᠠᠰᠠᠨ ᠴᠤ ᠲᠠᠷᠠ ᠵᠠᠪᠠᠯ ᠴᠢᠭᠢ ᠠᠴᠠ 8~10cm ᠵᠠᠶᠢᠳᠠᠢ᠂ 10cm ᠭᠦᠨ | ᠤᠷᠤᠭᠤᠯᠵᠤ᠂ ᠡᠷᠨᠨᠳᠡ ᠶᠢᠨ ᠢᠳᠡᠷᠡᠭᠦᠨ ᠤᠷᠭᠤᠯᠳᠠ ᠶᠢ ᠨᠢ ᠪᠠᠳᠤᠯᠠᠬᠤ ᠭᠡᠷᠡᠭᠳᠡᠢ᠃ | 12. ᠲᠠᠷᠢᠶᠠᠨ ᠳᠠᠬᠢ ᠠᠷᠠᠴᠢᠯᠠᠯᠳᠠ ᠶᠢᠨ ᠲᠠᠯ᠎ᠠ ᠪᠠᠷ ᠶᠠᠮᠠᠷ ᠵᠦᠢᠯ ᠢ ᠠᠩᠬᠠᠷᠬᠤ ᠴᠢᠬᠤᠯᠠ ᠲᠠᠢ ᠪᠤᠢ︖ | ᠨᠢᠯᠬ᠎ᠠ ᠴᠢᠭᠢᠨ ᠤ ᠬᠤᠭᠤᠴᠠᠭᠠᠨ ᠳᠠᠬᠢ ᠠᠷᠠᠴᠢᠯᠡᠯᠳᠡ ᠶᠢᠨ ᠲᠠᠯ᠎ᠠ ᠪᠠᠷ ︵1︶ ᠲᠠᠷᠢᠶ᠎ᠠ ᠪᠠᠨ ᠪᠠᠶᠢᠴᠠᠭᠠᠵᠤ ᠴᠢᠭᠢ ᠨᠦᠭᠦᠭᠦ ᠭᠡᠷᠡᠭᠳᠡᠢ᠃ ᠡᠷᠡᠨᠳᠡ ᠨᠢ | ᠪᠤᠷᠳᠤᠭᠤᠷ ᠤᠷᠤᠭᠤᠯᠬᠤ ᠠᠷᠭ᠎ᠠ ᠨᠢ ᠵᠤᠭᠢᠰ ᠦᠭᠡᠢ ᠪᠤᠶᠤ ᠭᠦᠷᠦᠰᠤᠨ ᠲᠤᠤᠷᠠᠭᠢ ᠭᠦᠨᠦᠭᠡᠯᠳᠤ ᠬᠤᠷᠤᠬᠠᠢ ᠶᠢᠨ ᠭᠦᠨᠦᠭᠡᠯ ᠵᠡᠷᠭᠡ ᠰᠢᠯᠳᠠᠭᠠᠨ ᠠᠴᠠ ᠪᠤᠯᠤᠭᠠᠳ | ᠴᠢᠭᠢ ᠲᠤᠳ᠋ᠬᠠᠳᠠᠬᠤ ᠦᠵᠡᠭᠳᠡᠯ ᠢᠯᠡᠷᠡᠳᠡᠭ᠃ ᠡᠶᠢᠮᠤ ᠠᠴᠠ ᠴᠢᠭᠢᠯᠡᠭᠦ ᠬᠤᠭᠤᠴᠠᠭᠠᠨ ᠳᠤᠨᠢ ᠲᠠᠷᠢᠶ᠎ᠠ ᠪᠠᠨ ᠦᠷᠭᠦᠯᠵᠢ ᠪᠠᠶᠢᠴᠠᠭᠠᠵᠤ᠂ ᠴᠢᠭᠢ ᠨᠦᠭᠦᠭᠦ ᠠᠵᠢᠯ ᠢ | ᠰᠠᠶᠢᠳᠤᠷ ᠭᠢᠭᠦ ᠭᠡᠷᠡᠭᠳᠡᠢ᠃ ︵2︶ ᠴᠠᠭ ᠲᠠᠷᠤᠢ ᠳᠤᠨᠢ ᠴᠢᠭᠢ ᠵᠠᠶᠢᠯᠠᠵᠤ ᠴᠢᠭᠢ ᠲᠤᠠᠠᠳᠠᠭᠠᠬᠤ ᠭᠡᠷᠡᠭᠳᠡᠢ᠃ ᠨᠢᠯᠬ᠎ᠠ ᠴᠢᠭᠢ ᠨᠢ 2 ᠵᠢᠩᠭᠢᠨᠢ ᠨᠠᠪᠴᠢ ᠲᠠᠢ ᠪᠤᠯᠬᠤ | ᠦᠶᠡᠰ ᠴᠢᠭᠢ ᠶᠢ ᠰᠠᠶᠢᠷᠡᠭᠵᠢᠭᠦᠯᠵᠤ᠂ ᠴᠤᠨᠤᠭ ᠪᠦᠷᠢ 2 ᠰᠠᠭᠤᠷᠢ ᠢᠳᠡᠷᠡᠭᠦᠨ ᠴᠢᠭᠢ ᠦᠯᠡᠳᠡᠭᠡᠵᠤ᠂ ᠰᠠᠭᠤᠷᠢ ᠪᠦᠷᠢ ᠶᠢᠨ ᠬᠤᠭᠤᠷᠤᠨᠳᠤᠭᠢ ᠵᠠᠢ ᠶᠢ 3~5cm | ᠪᠠᠶᠢᠯᠭᠠᠵᠤ᠂ 3~4 ᠨᠠᠪᠴᠢ ᠭᠠᠷᠬᠤ ᠦᠶ᠎ᠠ ᠳᠤᠨᠢ ᠴᠢᠭᠢ ᠪᠠᠨ ᠲᠤᠠᠠᠳᠠᠭᠠᠬᠤ ᠭᠡᠷᠡᠭᠳᠡᠢ᠃ ︵3︶ ᠰᠤᠯᠠ ᠡᠪᠡᠰᠤ ᠶᠢ ᠠᠷᠢᠯᠭᠠᠬᠤ ᠭᠡᠷᠡᠭᠳᠡᠢ᠃ ᠡᠷᠡᠨᠳᠡ ᠶᠢᠨ | ᠴᠢᠭᠢᠯᠡᠭᠦ ᠬᠤᠭᠤᠴᠠᠭ᠎ᠠ ᠨᠢ ᠤᠷᠳᠤ᠂ ᠨᠢᠯᠬ᠎ᠠ ᠴᠢᠭᠢ ᠶᠢᠨ ᠪᠤᠶᠢᠵᠢᠯᠳᠡ ᠨᠢ ᠤᠳᠠᠭᠠᠨ᠂ ᠰᠠᠭᠤᠷᠢ ᠮᠦᠷ ᠤᠨ ᠵᠠᠢ ᠨᠢ ᠶᠡᠭᠡ ᠪᠠᠶᠢᠳᠠᠭ ᠪᠤᠯᠬᠤᠷ ᠰᠤᠯᠠ ᠡᠪᠡᠰᠤ | ᠠᠮᠠᠷᠬᠠᠨ ᠤᠷᠭᠤᠳᠠᠭ᠂ ᠡᠶᠢᠮᠤ ᠠᠴᠠ ᠲᠠᠷᠦ᠋ᠢᠬᠠᠨ ᠭᠦᠢᠭᠡᠨ ᠬᠠᠭᠠᠯᠪᠤᠷᠢᠯᠡᠨ ᠡᠪᠡᠰᠤ ᠶᠢ ᠨᠢ ᠠᠷᠢᠯᠭᠠᠪᠠᠯ ᠲᠤᠯᠠᠭᠠᠨ ᠢ ᠨᠡᠮᠡᠭᠳᠡᠭᠦᠯᠦᠨ ᠴᠢᠭᠢᠭ ᠢ ᠬᠠᠮᠠᠭᠠᠯᠠᠵᠤ᠂ ᠨᠢᠯᠬ᠎ᠠ | ᠴᠢᠭᠢ ᠶᠢᠨ ᠤᠷᠭᠤᠯᠳᠠ ᠪᠤᠶᠢᠵᠢᠯᠳᠡ ᠶᠢ ᠠᠭᠢᠭᠤᠯᠬᠤ ᠳᠤ ᠠᠰᠢᠠᠠᠳᠠᠢ ᠶᠤᠮ᠃ ᠠᠩᠬᠠᠳ᠋ᠬᠠᠴᠢ ᠤᠳᠠᠭ᠎ᠠ᠂ ᠬᠤᠶᠠᠷᠳᠡᠭᠢ ᠤᠳᠠᠭ᠎ᠠ ᠡᠪᠡᠰᠤ ᠠᠷᠢᠯᠭᠠᠬᠤ ᠶᠢ ᠴᠢᠭᠢ | ᠵᠠᠶᠢᠯᠠᠬᠤ ᠴᠢᠭᠢ ᠲᠤᠠᠠᠳᠠᠭᠠᠬᠤ ᠲᠠᠢ ᠤᠶᠠᠯᠳᠤᠭᠤᠯᠤᠨ ᠭᠢᠵᠤ᠂ ᠵᠢᠵᠢᠭ ᠠᠷᠴᠢᠭᠤᠷ ᠢᠶᠠᠷ ᠰᠢᠷᠤᠢ ᠶᠢ ᠨᠢ ᠰᠤᠯᠠᠷᠠᠭᠤᠯᠵᠤ᠂ ᠲᠤᠮᠤ ᠠᠷᠴᠢᠭᠤᠷ ᠢᠶᠠᠷ ᠲᠠᠯᠠᠩ ᠤᠨ ᠠᠷᠤ | ᠲᠠᠯ᠎ᠠ ᠶᠢ ᠬᠤᠰᠤᠵᠤ᠂ ᠰᠡᠭᠦᠯᠡᠷ ᠨᠢ 10 ᠡᠳᠤᠷ ᠪᠤᠯᠬᠤ ᠪᠦᠷᠢ ᠨᠢᠭᠡ ᠤᠳᠠᠭ᠎ᠠ ᠠᠷᠴᠢᠬᠤ ᠶᠢᠨ ᠬᠠᠮᠳᠤ ᠰᠢᠷᠤᠢ ᠨᠡᠮᠡᠭᠦ ᠭᠡᠷᠡᠭᠳᠡᠢ᠃ | 13. ᠴᠡᠴᠡᠭ ᠲᠡᠯᠭᠡᠷᠡᠭᠦ ᠬᠤᠭᠤᠴᠠᠭᠠᠨ ᠳᠤᠨᠢ ᠭᠡᠷᠭᠢᠨ ᠠᠷᠠᠴᠢᠯᠠᠬᠤ ᠪᠤᠢ︖ | ︵1︶ ᠡᠨᠡ ᠦᠶ᠎ᠠ ᠪᠤᠯ ᠡᠷᠡᠨᠳᠡ ᠶᠢᠨ ᠤᠷᠭᠤᠯᠳᠠ ᠨᠢ ᠲᠦᠷᠭᠡᠳᠴᠤ᠂ ᠤᠰᠤ ᠪᠤᠷᠳᠤᠭᠤᠷ ᠤᠨ ᠭᠡᠷᠡᠭᠴᠡᠭᠡ ᠨᠢ ᠶᠡᠭᠡᠳᠡ ᠨᠡᠮᠡᠭᠳᠡᠳᠡᠭ᠃ | ᠡᠶᠢᠮᠤ ᠠᠴᠠ ᠭᠢᠨᠠᠮᠠᠭᠠᠢ ᠰᠠᠶᠢᠨ ᠪᠤᠷᠳᠤᠭᠤᠷ ᠨᠦᠭᠦᠨ ᠤᠷᠤᠭᠤᠯᠬᠤ ᠠᠴᠠ ᠭᠠᠳᠠᠨ᠎ᠠ ᠪᠠᠰᠠ ᠭᠠᠨᠭ᠍ᠳᠠᠪᠠᠯ ᠲᠠᠷᠦ᠋ᠢᠬᠠᠨ ᠤᠰᠤᠯᠠᠵᠤ᠂ ᠤᠰᠤᠳᠤᠪᠠᠯ ᠲᠠᠷᠦ᠋ᠢᠬᠠᠨ | ᠤᠰᠤ ᠶᠢ ᠨᠢ ᠵᠠᠯᠠᠵᠤ᠂ ᠪᠤᠷᠤᠭᠠᠨ ᠤ ᠲᠠᠷᠠᠭ᠎ᠠ ᠪᠤᠶᠤ ᠨᠦᠭᠦᠨ ᠤᠰᠤᠯᠬᠠᠰᠠᠨ ᠤ ᠪᠠᠨ ᠲᠠᠷᠠᠭ᠎ᠠ ᠲᠠᠷᠦ᠋ᠢᠬᠠᠨ ᠭᠠᠳᠠᠷᠭᠤ ᠭᠦᠷᠦᠰᠤ ᠶᠢ ᠨᠢ ᠰᠤᠯᠠᠯᠠᠵᠤ᠂ ᠲᠤᠯᠠᠭᠠᠨ ᠢ | ᠨᠡᠮᠡᠭᠳᠡᠭᠦᠯᠦᠨ ᠴᠢᠭᠢᠭ ᠢ ᠬᠠᠮᠠᠭᠠᠯᠠᠵᠤ᠂ ᠤᠷᠭᠤᠯᠳᠠ ᠶᠢ ᠨᠢ ᠠᠭᠢᠭᠤᠯᠬᠤ ᠭᠡᠷᠡᠭᠳᠡᠢ᠃ ︵2︶ ᠴᠤᠮᠤᠷᠯᠢᠠᠠᠵᠢᠠᠠᠰᠠᠨ ᠤ ᠰᠡᠭᠦᠯᠡᠷ ᠠᠩᠬᠠᠳ᠋ᠬᠠᠴᠢ ᠤᠳᠠᠭ᠎ᠠ ᠰᠠᠯᠠᠭ᠎ᠠ ᠶᠢ | ᠨᠢ ᠵᠠᠰᠠᠵᠤ᠂ ᠦᠰᠦᠯᠳᠡ ᠤᠷᠭᠤᠯᠳᠠ ᠨᠢ ᠦᠨᠳᠤᠰᠤᠨ ᠳᠡᠭᠡᠨ ᠠᠳᠠᠯᠢ ᠲᠡᠭᠰᠢ ᠪᠦᠭᠦᠢ 3~4 ᠨᠠᠪᠴᠢ ᠶᠢ ᠦᠯᠡᠳᠡᠭᠡᠨ ᠲᠦᠷᠦᠭᠦᠤ ᠪᠤᠯᠭᠠᠵᠤ᠂ ᠪᠤᠰᠤᠳ | ᠰᠠᠯᠠᠭ᠎ᠠ ᠶᠢ ᠨᠢ ᠴᠦᠮ ᠠᠪᠴᠤ ᠬᠠᠶᠠᠬᠤ ᠭᠡᠷᠡᠭᠳᠡᠢ᠃ ᠬᠤᠶᠠᠷᠳᠡᠭᠢ ᠤᠳᠠᠭ᠎ᠠ ᠰᠠᠯᠠᠭ᠎ᠠ ᠵᠠᠰᠠᠬᠤ ᠴᠠᠭ ᠢ ᠪᠤᠯ ᠲᠤᠬᠠᠢ ᠶᠢᠨ ᠭᠠᠵᠠᠷ ᠤᠨ ᠴᠠᠭ ᠠᠭᠤᠷ ᠢ ᠦᠨᠳᠦᠰᠦᠯᠡᠨ᠂ | ᠭᠢᠷᠠᠭᠤ ᠤᠨᠠᠬᠤ ᠠᠴᠠ 40~50 ᠬᠤᠨᠤᠭ ᠤᠨ ᠡᠮᠦᠨ᠎ᠠ ᠵᠠᠰᠠᠵᠤ᠂ ᠵᠢᠮᠢᠰ ᠤᠨ ᠮᠤᠳᠤᠨ ᠤ ᠬᠠᠶᠢᠴᠢ ᠪᠠᠷ ᠪᠦᠭᠦ᠋ᠢᠯᠡ ᠴᠡᠴᠡᠭ ᠲᠡᠯᠭᠡᠷᠡᠭᠰᠡᠨ᠂ ᠵᠢᠮᠢᠰ ᠨᠢ ᠬᠠᠷᠠᠬᠠᠨ | ᠲᠤᠮᠤᠷᠠᠭᠠᠳᠤᠢ᠂ ᠰᠠᠶ᠋ᠢᠬᠠᠨ ᠴᠡᠴᠡᠭᠯᠡᠭᠰᠡᠨ ᠪᠤᠶᠤ ᠬᠤᠸᠠᠷ ᠲᠡᠯᠭᠡᠷᠡᠭᠡᠳᠦᠢ ᠤᠷᠤᠢ ᠶᠢᠨ ᠨᠠᠭᠢᠶ᠎ᠠ᠂ ᠤᠷᠤᠢ ᠶᠢᠨ ᠲᠦᠷᠦᠭᠦᠤ ᠶᠢ ᠴᠦᠮ ᠬᠠᠶᠢᠴᠢᠯᠡᠨ ᠬᠠᠶᠠᠵᠤ᠂ ᠰᠠᠯᠠᠭ᠎ᠠ | ᠪᠦᠷᠢ ᠳᠤ 1~2 ᠨᠠᠪᠴᠢ ᠦᠯᠡᠳᠡᠭᠡᠨ ᠰᠢᠮ᠎ᠠ ᠲᠡᠵᠢᠭᠡᠯ ᠤᠨ ᠨᠠᠪᠴᠢ ᠪᠤᠯᠭᠠᠨ᠂ ᠲᠦᠷᠦᠭᠦᠤ ᠪᠤᠯᠬᠤ ᠶᠢ ᠨᠢ ᠠᠭᠢᠭᠤᠯᠵᠤ᠂ ᠤᠨᠠᠯᠳᠠ ᠶᠢ ᠨᠡᠮᠡᠭᠳᠡᠭᠦᠯᠦᠨ᠂ ᠶᠠᠰᠤ | ᠴᠢᠨᠠᠷ ᠢ ᠲᠡᠭᠡᠭᠰᠢᠯᠡᠭᠦᠯᠭᠦ ᠭᠡᠷᠡᠭᠳᠡᠢ᠃ | 14. ᠦᠷᠡᠯᠡᠯᠳᠡ ᠶᠢᠨ ᠬᠤᠭᠤᠴᠠᠭᠠᠨ ᠳᠤᠨᠢ ᠭᠡᠷᠭᠢᠨ ᠠᠷᠠᠴᠢᠯᠠᠬᠤ ᠪᠤᠢ︖ | ᠡᠨᠡ ᠬᠤᠭᠤᠴᠠᠭ᠎ᠠ ᠪᠤᠯ ᠤᠨᠠᠯᠳᠠ ᠪᠤᠢ ᠪᠤᠯᠬᠤ ᠲᠤᠰᠤ ᠬᠤᠷᠠᠮᠳᠤᠬᠤ ᠭᠤᠤᠯ ᠬᠤᠭᠤᠴᠠᠭ᠎ᠠ ᠪᠤᠯᠤᠨ᠎ᠠ᠃ ᠮᠦᠨ ᠴᠦ ᠤᠷᠭᠤᠮᠠᠯ ᠤᠨ ᠪᠠᠳᠠᠷᠠᠨ ᠤᠷᠭᠤᠬᠤ | ᠬᠤᠭᠤᠴᠠᠭ᠎ᠠ ᠲᠤᠯᠠ ᠤᠰᠤ ᠪᠤᠷᠳᠤᠭᠤᠷ ᠶᠡᠭᠡᠳᠡ ᠭᠡᠷᠡᠭᠰᠡᠨ᠎ᠡ᠃ ᠡᠨᠡ ᠬᠤᠭᠤᠴᠠᠭᠠᠨ ᠳᠤ ᠤᠷᠭᠤᠮᠠᠯ ᠨᠢ ᠮᠠᠰᠢ ᠲᠤᠮᠤ ᠦᠨᠳᠤᠰᠤᠨ ᠰᠢᠰᠲ᠋ᠧᠮ ᠲᠠᠢ ᠪᠤᠯᠵᠤ᠂ ᠤᠰᠤ | ᠪᠤᠷᠳᠤᠭᠤᠷ ᠰᠢᠩᠭᠡᠭᠡᠨ ᠠᠪᠬᠤ ᠴᠢᠳᠠᠯ ᠨᠢ ᠴᠤ ᠨᠡᠮᠡᠭᠳᠡᠭᠦ ᠲᠤᠯᠠ ᠰᠠᠭᠤᠷᠢ ᠪᠤᠷᠳᠤᠭᠤᠷ᠂ ᠦᠷ᠎ᠡ ᠶᠢᠨ ᠪᠤᠷᠳᠤᠭᠤᠷ᠂ ᠨᠦᠭᠦᠯᠳᠡ ᠪᠤᠷᠳᠤᠭᠤᠷ ᠢ ᠭᠦᠢᠴᠡᠳ | ᠤᠷᠤᠭᠤᠯᠤᠠᠠᠰᠠᠨ ᠤᠷᠢᠳᠠᠯ ᠲᠤᠤᠷ᠎ᠡ᠂ ᠤᠰᠤᠨ ᠤ ᠢᠯᠴᠢ ᠶᠢᠨ ᠨᠦᠭᠦᠴᠡᠯ ᠢ ᠵᠤᠭᠢᠰᠳᠠᠢ ᠲᠤᠭᠢᠷᠠᠭᠤᠯᠵᠤ᠂ ᠤᠰᠤᠯᠠᠬᠤ᠂ ᠤᠰᠤ ᠵᠠᠯᠠᠬᠤ ᠠᠵᠢᠯ ᠢ ᠰᠠᠶᠢᠳᠤᠷ ᠭᠢᠵᠤ᠂ | ᠭᠡᠷᠡᠯ ᠤᠨ ᠨᠡᠶᠢᠯᠡᠯᠭᠡ ᠡᠳ᠋ ᠨᠢ ᠦᠷ᠎ᠡ ᠮᠦᠭᠦᠯᠢᠭ ᠲᠤ ᠰᠢᠯᠵᠢᠭᠦ ᠶᠢ ᠠᠭᠢᠭᠤᠯᠬᠤ ᠭᠡᠷᠡᠭᠳᠡᠢ᠃ | 15. ᠡᠷᠡᠨᠳᠡ ᠶᠢᠨ ᠭᠡᠮ ᠬᠤᠷᠤᠬᠠᠢ ᠶᠢᠨ ᠭᠦᠨᠦᠭᠡᠯ ᠢ ᠭᠡᠷᠭᠢᠨ ᠰᠡᠷᠭᠡᠶᠢᠯᠡᠨ ᠵᠠᠰᠠᠬᠤ ᠪᠤᠢ︖ | ᠡᠷᠡᠨᠳᠡ ᠶᠢᠨ ᠭᠡᠮ ᠬᠤᠷᠤᠬᠠᠢ ᠶᠢᠨ ᠭᠦᠨᠦᠭᠡᠯ ᠭᠡᠪᠡᠯ ᠭᠤᠤᠯ ᠨᠢ ᠴᠤᠬᠤᠷᠳᠤ ᠡᠪᠡᠳᠴᠢᠨ᠂ ᠪᠤᠷᠤ ᠭᠦᠭᠡᠴᠤ ᠭᠡᠮ᠂ ᠢᠳᠤᠭᠠᠨ ᠬᠤᠷᠤᠬᠠᠢ ᠵᠡᠷᠭᠡ ᠪᠠᠶᠢᠨ᠎ᠠ᠃ | ᠶᠠᠷᠦᠩᠭᠡᠢ ᠳᠡᠭᠡᠨ ᠲᠠᠪᠳᠠᠨ ᠲᠠᠷᠢᠬᠤ ᠪᠤᠶᠤ ᠡᠷᠳᠡ ᠲᠠᠷᠢᠵᠤ᠂ ᠲᠠᠷᠢᠠᠠᠰᠠᠨ ᠤ ᠰᠡᠭᠦᠯᠡᠷ ᠦᠷᠭᠦᠯᠵᠢᠯᠡᠨ ᠪᠦᠷᠭᠦ᠋ᠢᠵᠤ ᠪᠤᠷᠤᠭᠠᠠᠰᠢᠠᠠᠰᠠᠨ ᠦᠶᠡᠰ ᠴᠤᠬᠤᠷᠳᠤ ᠭᠡᠮ | ᠠᠮᠠᠷᠬᠠᠨ ᠲᠤᠰᠴᠤ᠂ ᠦᠷ᠎ᠡ ᠨᠢ ᠢᠯᠵᠡᠷᠡᠬᠤ ᠪᠠ ᠴᠢᠭᠢ ᠨᠢ ᠦᠭᠦᠳᠡᠭ᠃ ᠡᠭᠦᠨ ᠢ ᠰᠡᠷᠭᠡᠶᠢᠯᠡᠨ ᠵᠠᠰᠠᠬᠤ ᠳᠤ ᠭᠤᠤᠯ ᠨᠢ ᠭᠡᠮ ᠢ ᠲᠠᠷᠤᠬᠤ ᠲᠦᠷᠦᠯ ᠵᠦᠢᠯ ᠢ | ᠰᠤᠩᠭᠤᠨ ᠭᠡᠷᠡᠭᠯᠡᠵᠤ᠂ ᠲᠦᠷᠪᠡᠨ ᠵᠢᠯ ᠠᠴᠠ ᠲᠡᠭᠡᠭᠰᠢ ᠡᠭᠡᠯᠵᠢᠯᠡᠨ ᠲᠠᠷᠢᠬᠤ ᠠᠷᠭ᠎ᠠ ᠶᠢ ᠠᠪᠤᠨ᠎ᠠ᠃ ᠴᠠᠭ ᠲᠤᠨᠢ ᠲᠤᠭᠢᠷᠠᠭᠤᠯᠤᠨ ᠲᠠᠷᠢᠵᠤ᠂ ᠭᠡᠳᠦᠷᠭᠡᠢ ᠨᠦᠢᠳᠡᠨ | ᠭᠦᠷᠦᠰᠤᠨ ᠳᠤ ᠲᠠᠷᠢᠬᠤ ᠦᠭᠡᠢ ᠪᠠᠶᠢᠵᠤ᠂ ᠦᠷᠡᠵᠢᠯ ᠤᠨ ᠦᠶ᠎ᠠ ᠳᠤᠨᠢ ᠤᠰᠤᠳᠤᠬᠤ ᠠᠴᠠ ᠰᠡᠷᠭᠡᠶᠢᠯᠡᠨ᠎ᠡ᠃ ᠡᠮ ᠢᠶᠠᠷ ᠵᠠᠰᠠᠬᠤ ᠳᠤ 1000 ᠲᠠᠭᠢᠨ ᠤ ᠮᠧᠲ᠋ᠢᠯᠢᠳᠤ | ᠲᠦᠸᠧ ᠪᠦ᠋ ᠶᠢᠨ ︵托布津︶ ᠡᠮ ᠪᠤᠶᠤ 50% ᠶᠢᠨ ᠳ᠋ᠦᠸᠧ ᠵᠢᠶᠦ᠋ᠨ ᠯᠢᠩ ︵多菌灵︶ ᠡᠮ ᠤᠨ 1000 ᠲᠠᠭᠢᠨ ᠤ ᠰᠢᠩᠭᠡᠨ ᠢ ᠴᠢᠭᠢᠨ | ᠳᠤᠨᠢ ᠴᠢᠳᠬᠤᠨ᠎ᠠ᠃ ᠪᠤᠷᠤ ᠭᠦᠭᠡᠴᠤ ᠭᠡᠮ ᠪᠤᠯ ᠴᠡᠴᠡᠭ ᠵᠢᠮᠢᠰ ᠵᠡᠷᠭᠡ ᠨᠢᠯᠬ᠎ᠠ ᠨᠡᠭᠡᠳᠡᠰᠤ ᠳᠤ ᠬᠠᠯᠳᠠᠪᠤᠷᠢᠯᠠᠳᠠᠭ ᠪᠤᠯᠬᠤᠷ 50% ᠶᠢᠨ ᠹᠦ᠋ ᠮᠸᠢ ᠱᠤᠸᠠᠩ ︵福美 | 双︶ ᠡᠮ ᠤᠨ 600~700 ᠲᠠᠭᠢᠨ ᠤ ᠰᠢᠩᠭᠡᠨ ᠢ ᠮᠤ᠋ ᠪᠦᠷᠢ 100kg ᠤᠨ ᠭᠡᠮᠵᠢᠶ᠎ᠠ ᠪᠠᠷ ᠲᠤᠯᠤᠭᠠᠨ ᠬᠤᠨᠤᠭ ᠲᠤ ᠨᠢᠭᠡ ᠤᠳᠠᠭ᠎ᠠ ᠰᠦᠷᠴᠢᠨ᠎ᠠ᠃ | ᠡᠰᠡᠭᠦᠯ᠎ᠠ ᠮᠧᠲ᠋ᠢᠯᠳᠤ ᠲᠦᠸᠧ ᠪᠦ᠋ ᠶᠢᠨ ᠡᠮ ᠤᠨ 1000 ᠲᠠᠭᠢᠨ ᠤ ᠰᠢᠩᠭᠡᠨ ᠢ 10 ᠬᠤᠨᠤᠭ ᠠᠯᠤᠰᠯᠠᠭᠠᠳ 1 ᠤᠳᠠᠭ᠎ᠠ ᠰᠦᠷᠴᠢᠭᠦ ᠪᠡ ᠭᠤᠷᠪᠡ ᠤᠳᠠᠭ᠎ᠠ | ᠰᠦᠷᠴᠢᠪᠡᠯ ᠮᠠᠰᠢ ᠰᠠᠶᠢᠨ ᠦᠷ᠎ᠡ ᠳ᠋ᠦᠩ ᠤᠯᠤᠨ᠎ᠠ᠃ ᠢᠳᠤᠭᠠᠨ ᠬᠤᠷᠤᠬᠠᠢ ᠪᠤᠯ ᠭᠤᠤᠯ ᠨᠢ ᠨᠠᠪᠴᠢ ᠶᠢ ᠭᠦᠨᠦᠭᠡᠵᠤ ᠭᠦᠨᠳᠤ ᠨᠤᠴᠢᠳᠠᠢ ᠦᠶᠡᠰ ᠨᠠᠪᠴᠢ ᠶᠢ | ᠪᠦᠭᠦᠨ ᠢ ᠢᠳᠡᠵᠤ ᠲᠠᠭᠤᠰᠬᠠᠳᠠᠭ᠃ ᠲᠡᠭᠦᠨ ᠢ ᠰᠡᠷᠭᠡᠶᠢᠯᠡᠨ ᠵᠠᠰᠠᠬᠤ ᠳᠤ ︵1︶ ᠲᠠᠷᠢᠶ᠎ᠠ ᠪᠠᠨ ᠭᠦᠢᠭᠡᠨ ᠬᠠᠭᠠᠯᠪᠤᠷᠢᠯᠡᠨ 7cm ᠰᠢᠷᠤᠢ ᠨᠡᠮᠡᠵᠤ᠂ ᠪᠠᠶᠡᠯᠡᠭᠰᠡᠨ | ᠬᠤᠷᠤᠬᠠᠢ ᠶᠢ ᠰᠡᠷᠭᠡᠶᠢᠯᠡᠨ᠎ᠡ᠃ ︵2︶ ᠳ᠋ᠧᠩ ᠤᠨ ᠭᠡᠷᠡᠯ ᠢᠶᠠᠷ ᠪᠡᠶᠡᠯᠡᠭᠰᠡᠨ ᠬᠤᠷᠤᠬᠠᠢ ᠶᠢ ᠦᠳᠤᠬᠡᠵᠦ ᠤᠰᠠᠳᠬᠠᠨ᠎ᠠ᠃ ︵3︶ ᠭᠦᠮᠦᠨ ᠤ ᠭᠦᠴᠤ ᠪᠠᠷ ᠭᠡᠤᠭᠡᠯᠳᠡᠢ | ᠪᠠ ᠠᠪᠠᠭᠠᠯᠳᠠᠢ ᠶᠢ ᠨᠢ ᠤᠰᠠᠳᠬᠠᠨ᠎ᠠ᠃ ︵4︶ ᠡᠮ ᠢᠶᠠᠷ ᠰᠡᠷᠭᠡᠶᠢᠯᠡᠨ ᠵᠠᠰᠠᠨ᠎ᠠ᠃ 90% ᠶᠢᠨ ᠳ᠋ᠢ ᠪᠠᠢ ᠴᠦᠩ ︵敌百虫︶᠂ 50% ᠶᠢᠨ ᠱᠠ ᠮᠢᠩ | ᠰᠦᠩ ︵杀螟松︶ ᠡᠮ ᠤᠨ 1000~1300 ᠲᠠᠭᠢᠨ ᠤ ᠰᠢᠩᠭᠡᠨ ᠢ ᠨᠠᠪᠴᠢᠨ ᠲᠡᠭᠡᠭᠦᠷ ᠨᠢ ᠰᠦᠷᠴᠢᠨ᠎ᠠ᠃ ︵5︶ ᠡᠪᠡᠰᠤᠨ ᠤ ᠮᠢᠩ ᠬᠤᠷᠤᠬᠠᠢ ᠶᠢ | ᠪᠤᠯ ᠪᠡᠶᠡᠯᠡᠭᠰᠡᠨ ᠬᠤᠷᠤᠬᠠᠢ ᠶᠢ ᠲᠤᠤᠷ ᠲᠠᠳᠠᠨ ᠤᠰᠠᠳᠬᠠᠨ᠎ᠠ᠃ ᠠᠪᠠᠭᠠᠯᠳᠡᠢ ᠶᠢ ᠨᠢ ᠡᠮ ᠢᠶᠠᠷ ᠤᠰᠠᠳᠬᠠᠨ᠎ᠠ᠂ ᠮᠤ᠋ ᠪᠦᠷᠢ 1500~2000g ᠳ᠋ᠢ ᠪᠠᠢ ᠴᠦᠩ | ᠨᠤᠠᠳᠠᠭ ᠡᠮ ᠪᠤᠶᠤ 80% ᠶᠢᠨ ᠳ᠋ᠢ ᠳ᠋ᠢ ᠸᠧᠢ ᠡᠮ ᠲᠡᠭᠡᠷ᠎ᠡ 40% ᠶᠢᠨ ᠯᠧ ᠭᠦᠸᠧ ᠡᠮ ᠢ ᠨᠢᠭᠡᠨ ᠤ ᠨᠢᠭᠡ ᠶᠢᠨ ᠬᠠᠷᠢᠴᠠᠯ ᠢᠶᠠᠷ ᠬᠤᠯᠢᠵᠤ᠂ 1000 ᠲᠠᠭᠢᠨ ᠤ | ᠰᠢᠩᠭᠡᠨ ᠪᠤᠯᠭᠠᠨ ᠰᠦᠷᠴᠢᠨ᠎ᠠ᠃ | 16. ᠡᠷᠡᠨᠳᠡ ᠶᠢᠨ ᠭᠡᠮ ᠤᠨ ᠭᠦᠨᠦᠭᠡᠯ ᠢ ᠶᠠᠭᠠᠭᠢᠪᠠᠯ ᠪᠠᠭᠠᠰᠬᠠᠵᠤ ᠴᠢᠳᠠᠬᠤ ᠪᠤᠢ︖ | ᠪᠤᠳᠠᠳᠠᠢ ᠪᠠᠶᠢᠴᠠᠭᠠᠯᠳᠠ ᠶᠢᠨ ᠦᠷ᠎ᠡ ᠳ᠋ᠦᠩ ᠠᠴᠠ ᠦᠵᠡᠪᠡᠯ᠂ ᠡᠭᠡᠯᠵᠢᠯᠡᠨ ᠲᠠᠷᠢᠠᠠᠰᠠᠨ ᠭᠠᠵᠠᠷ ᠲᠤ ᠭᠡᠮ ᠤᠨ ᠭᠦᠨᠦᠭᠡᠯ ᠡᠭᠦᠰᠭᠦ ᠨᠤᠷᠮ᠎ᠠ ᠨᠢ 10% 365赢多少钱会被限额_国内有真正的365平台吗_365bet博彩官网 | ᠠᠴᠠ ᠲᠤᠷᠤᠠᠠᠰᠢ᠂ ᠤᠠᠠᠳᠤᠵᠤ ᠲᠠᠷᠢᠠᠠᠰᠠᠨ ᠭᠠᠵᠠᠷ ᠤᠨ ᠭᠡᠮ ᠡᠭᠦᠰᠭᠦ ᠨᠤᠷᠮ᠎ᠡ ᠨᠢ 30% ᠤᠷᠴᠢᠮ᠂ ᠤᠨᠴᠠ ᠵᠠᠷᠢᠮ ᠲᠠᠪᠳᠡᠨ ᠲᠠᠷᠢᠠᠠᠰᠠᠨ ᠭᠠᠵᠠᠷ ᠤᠨ ᠬᠢ 66% | ᠳᠤ ᠭᠦᠷᠴᠤ ᠪᠠᠶᠢᠨ᠎ᠠ᠃ ᠡᠶᠢᠮᠤ ᠠᠴᠠ ᠡᠷᠡᠨᠳᠡ ᠶᠢ ᠭᠤᠤᠷᠰᠤ ᠶᠢ ᠨᠢ ᠰᠤᠯᠢᠵᠤ ᠦᠭᠡᠷ᠎ᠡ ᠪᠤᠰᠤᠳ ᠲᠠᠷᠢᠮᠠᠯ ᠤᠨ ᠡᠭᠦᠯᠳᠡᠷ ᠲᠠᠢ ᠡᠭᠡᠯᠵᠢᠯᠡᠨ ᠲᠠᠷᠢᠬᠤ ᠪᠤᠯ ᠲᠠᠷᠢᠮᠠᠯ ᠤᠨ | ᠤᠨᠠᠯᠳᠠ ᠶᠢ ᠨᠡᠮᠡᠭᠳᠡᠭᠦᠯᠵᠤ᠂ ᠭᠦᠷᠦᠰᠤ ᠰᠢᠷᠤᠢ ᠶᠢᠨ ᠦᠩ ᠰᠢᠮ᠎ᠠ ᠶᠢᠨ ᠲᠡᠩᠴᠡᠭᠦᠷᠢ ᠶᠢ ᠪᠠᠳᠤᠯᠠᠬᠤ ᠪᠦᠳᠦᠮᠵᠢᠳᠡᠢ ᠠᠷᠭ᠎ᠠ ᠭᠡᠮᠵᠢᠶ᠎ᠠ ᠪᠤᠯᠤᠨ᠎ᠠ᠃ ᠡᠷᠨᠨᠳᠡ ᠶᠢ | 3~4 ᠵᠢᠯ ᠳᠤ ᠪᠤᠰᠤᠳ ᠲᠠᠷᠢᠮᠠᠯ ᠲᠠᠢ ᠡᠭᠡᠯᠵᠢᠯᠡᠨ ᠲᠠᠷᠢᠬᠤ ᠭᠡᠷᠡᠭᠳᠡᠢ᠃ ᠡᠷᠡᠨᠳᠡ ᠶᠢ ᠲᠠᠪᠳᠡᠨ ᠲᠠᠷᠢᠬᠤ ᠪᠠ ᠤᠠᠠᠳᠤᠨ ᠲᠠᠷᠢᠪᠠᠯ ᠭᠦᠷᠦᠰᠤ ᠰᠢᠷᠤᠢ ᠶᠢᠨ ᠦᠩ | ᠰᠢᠮ᠎ᠠ ᠶᠢ ᠶᠡᠭᠡᠳᠡ ᠬᠤᠷᠤᠠᠠᠳᠠᠭᠤᠯᠵᠤ᠂ ᠡᠷᠨᠨᠳᠡ ᠶᠢᠨ ᠤᠨᠠᠯᠳᠠ ᠪᠠ ᠶᠠᠰᠤ ᠴᠢᠨᠠᠷ ᠢ ᠪᠠᠭᠤᠷᠠᠭᠤᠯᠬᠤ ᠮᠦᠷᠳᠡᠭᠡᠨ ᠤᠯᠠᠨ ᠵᠢᠯ ᠲᠠᠷᠢᠠᠠᠰᠠᠨ ᠠᠴᠠ ᠪᠤᠯᠤᠭᠠᠳ ᠭᠦᠷᠦᠰᠤ | ᠰᠢᠷᠤᠢ ᠳᠠᠬᠢ ᠭᠡᠮ ᠲᠠᠢ ᠨᠠᠪᠴᠢ ᠨᠠᠮᠠᠭ᠎ᠠ ᠨᠢ ᠤᠯᠠᠰᠢᠷᠠᠵᠤ᠂ ᠡᠪᠡᠳᠴᠢᠨ ᠤ ᠪᠠᠺᠲ᠋ᠧᠷᠢ ᠲᠦᠷᠭᠡᠨ ᠦᠷᠡᠵᠢᠨ ᠬᠠᠯᠳᠠᠪᠤᠷᠢᠯᠠᠵᠤ᠂ ᠵᠢᠯ ᠠᠴᠠ ᠵᠢᠯ ᠭᠦᠨᠳᠦᠷᠡᠭᠦ ᠪᠤᠯᠤᠨ᠎ᠠ᠃ | ᠡᠭᠦᠨ ᠤ ᠬᠠᠮᠳᠤ ᠡᠷᠨᠨᠳᠡ ᠶᠢ ᠡᠭᠡᠯᠵᠢᠯᠡᠨ ᠲᠠᠷᠢᠪᠠᠯ ᠲᠠᠷᠠᠭ᠎ᠠ ᠲᠠᠷᠢᠬᠤ ᠲᠠᠷᠢᠮᠠᠯ ᠤᠨ ᠤᠨᠠᠯᠳᠠ ᠶᠢ ᠪᠦᠳᠦᠮᠵᠢᠳᠡᠢ ᠪᠠᠷ ᠲᠡᠭᠡᠭᠰᠢᠯᠡᠭᠦᠯᠵᠤ ᠴᠢᠳᠠᠨ᠎ᠠ᠃ | 17. ᠡᠷᠡᠨᠳᠡ ᠶᠢ ᠶᠠᠮᠠᠷ ᠲᠠᠷᠢᠮᠠᠯ ᠲᠠᠢ ᠡᠭᠡᠯᠵᠢᠯᠡᠨ ᠲᠠᠷᠢᠵᠤ ᠪᠤᠯᠬᠤ ᠪᠤᠢ︖ | ᠡᠷᠡᠨᠳᠡ ᠶᠢ ᠡᠷᠳᠡᠨᠢ ᠰᠢᠰᠢ᠂ ᠰᠢᠰᠢ᠂ ᠬᠠᠷ᠎ᠠ ᠪᠤᠳᠠᠭ᠎ᠠ ᠵᠢᠴᠢ ᠲᠦᠮᠤᠰᠤ ᠲᠠᠢ ᠪᠦᠷ ᠡᠭᠡᠯᠵᠢᠯᠡᠨ ᠲᠠᠷᠢᠵᠤ ᠪᠤᠯᠤᠨ᠎ᠠ᠃ ᠭᠡᠭᠦ ᠳᠡᠭᠡᠨ ᠬᠠᠮᠤᠭ ᠤᠨ ᠰᠠᠶᠢᠨ ᠨᠢ | ᠭᠦᠢᠭᠡᠨ ᠦᠨᠳᠤᠰᠤ ᠲᠠᠢ ᠲᠠᠷᠢᠮᠠᠯ ᠲᠠᠢ ᠡᠭᠡᠯᠵᠢᠯᠡᠨ ᠲᠠᠷᠢᠪᠡᠯ ᠨᠡᠩ ᠰᠠᠶᠢᠨ ᠪᠠᠶᠢᠳᠠᠭ᠃ | 18. ᠡᠷᠡᠨᠳᠡ ᠶᠢ ᠭᠡᠷᠭᠢᠨ ᠲᠡᠭᠦᠵᠤ ᠬᠤᠷᠢᠶᠠᠬᠤ ᠪᠠ ᠮᠦᠯᠢᠭᠦ ᠪᠤᠢ︖ | ᠡᠷᠡᠨᠳᠡ ᠶᠢᠨ ᠲᠦᠷᠦᠭᠦᠤ ᠨᠢ ᠤᠳᠠᠭᠠᠯᠠᠨ ᠪᠤᠯᠪᠠᠰᠤᠷᠠᠳᠠᠭ ᠲᠤᠯᠠ ᠴᠠᠭ ᠲᠠᠷᠤᠢ ᠳᠤᠨᠢ ᠬᠤᠷᠢᠶᠠᠬᠤ ᠭᠡᠷᠡᠭᠳᠡᠢ᠃ ᠡᠷᠡᠠᠳᠡ ᠶᠢᠨ ᠪᠤᠯᠪᠠᠰᠤᠷᠬᠠᠰᠠᠨ ᠪᠠᠷᠢᠮᠵᠢᠶ᠎ᠠ | ᠨᠢ ᠪᠤᠯ ᠪᠦᠭᠦ᠋ᠢᠯᠡ ᠲᠦᠷᠦᠭᠦᠤ ᠶᠢᠨ ᠭᠢᠨᠢ ᠭᠤᠷᠪᠡᠨ ᠤ ᠨᠢᠭᠡ ᠶᠢᠨ ᠬᠤᠨᠭ᠍ᠭᠤᠷᠴᠤᠠᠠᠳᠤ ᠵᠢᠮᠢᠰ ᠤᠨ ᠭᠠᠳᠠᠷ ᠬᠠᠯᠢᠰᠤ ᠨᠢ ᠬᠠᠭᠠᠷᠠᠵᠤ ᠭᠦᠷᠡᠩᠳᠤᠪᠡᠯ ᠭᠦᠢᠴᠡᠳ | ᠪᠤᠯᠪᠠᠰᠤᠷᠬᠠᠰᠠᠨ ᠢ ᠢᠯᠡᠳᠭᠡᠭᠦ ᠲᠤᠯᠠ ᠲᠠᠷᠠ ᠲᠠᠷᠤᠢ ᠳᠤᠨᠢ ᠲᠡᠭᠦᠵᠤ ᠬᠤᠷᠢᠶᠠᠬᠤ ᠭᠡᠷᠡᠭᠳᠡᠢ᠃ ᠲᠡᠭᠦᠵᠤ ᠬᠤᠷᠢᠶᠠᠬᠤ ᠳᠠᠭᠠᠨ ᠵᠢᠮᠢᠰ ᠤᠨ ᠮᠤᠳᠤᠨ ᠤ ᠬᠠᠶᠢᠴᠢ ᠪᠤᠯᠤᠨ | ᠭᠢᠳᠤᠭ᠎ᠠ ᠪᠠᠷ ᠰᠠᠭᠤᠷᠢ ᠭᠡᠰᠡᠭ ᠤᠨ ᠪᠦᠭᠦᠯᠢ ᠲᠦᠷᠦᠭᠦᠤ ᠶᠢ ᠨᠢ ᠬᠠᠶᠢᠴᠢᠯᠡᠨ ᠠᠪᠤᠭᠠᠳ ᠬᠠᠳᠠᠭᠠᠬᠤ ᠪᠠ ᠲᠦᠪᠯᠡᠷᠡᠭᠦᠯᠦᠨ ᠬᠠᠳᠠᠭᠠᠯᠠᠵᠤ᠂ ᠪᠦᠭᠦᠨ ᠢ ᠲᠡᠭᠦᠵᠤ | ᠬᠤᠷᠢᠶ᠋ᠬᠠᠰᠠᠨ ᠤ ᠰᠡᠭᠦᠯᠡᠷ ᠨᠢᠬᠡ ᠯᠠ ᠤᠳᠠᠭ᠎ᠠ ᠲᠡᠭᠡᠷ᠎ᠡ ᠪᠦᠭᠦᠨ ᠢ ᠮᠦᠯᠢᠭᠦ ᠭᠡᠷᠡᠭᠳᠡᠢ᠃ ᠡᠷᠡᠨᠳᠡ ᠶᠢᠨ ᠬᠤᠨᠭ᠍ᠭᠤᠷᠴᠤᠠᠠᠳᠤ ᠵᠢᠮᠢᠰ ᠤᠨ ᠭᠠᠳᠠᠷ ᠬᠠᠯᠢᠰᠤ ᠨᠢ ᠨᠠᠯᠢᠶᠠᠳ | ᠵᠤᠵᠠᠭᠠᠨ ᠪᠦᠭᠡᠳ ᠤᠰᠤᠨ ᠤ ᠠᠭᠤᠯᠤᠭᠳᠠᠴᠨ ᠨᠢ ᠶᠡᠭᠡ ᠪᠠᠶᠢᠳᠠᠭ ᠪᠤᠯᠬᠤᠷ ᠨᠢᠬᠡ ᠯᠠ ᠲᠡᠭᠡᠷ᠎ᠡ ᠰᠠᠶᠢᠨ ᠬᠠᠳᠠᠭᠠᠬᠤ ᠭᠡᠷᠡᠭᠳᠡᠢ᠃ ᠭᠡᠳᠦᠢ ᠰᠠᠶᠢᠨ ᠬᠠᠳᠠᠭᠠᠪᠠᠯ | ᠮᠦᠭᠦᠯᠢᠭ ᠢ ᠨᠢ ᠮᠦᠯᠢᠭᠦ ᠳᠤ ᠲᠠᠳᠦᠢ ᠠᠮᠠᠷᠬᠠᠨ ᠪᠠᠶᠢᠳᠠᠭ᠃ ᠬᠠᠭᠠᠰ ᠬᠠᠳ᠋ᠬᠠᠰᠠᠨ ᠡᠷᠡᠨᠳᠡ ᠶᠢᠨ ᠮᠦᠭᠦᠯᠢᠭ ᠢ ᠮᠦᠯᠢᠭᠦ ᠳᠤ ᠲᠤᠩ ᠭᠦᠴᠢᠷᠳᠡᠢ ᠪᠠᠶᠢᠳᠠᠭ ᠪᠦᠭᠡᠳ | ᠦᠷ᠎ᠡ ᠶᠢ ᠨᠢ ᠠᠮᠠᠷᠬᠠᠨ ᠭᠡᠮᠭᠡᠯᠴᠢᠭᠡᠳᠡᠭ᠃ ᠮᠦᠯᠢᠭᠦ ᠠᠷᠭ᠎ᠠ ᠨᠢ ᠭᠡᠪᠡᠯ ᠨᠢᠭᠡ ᠳᠤ ᠲᠤᠰᠬᠠᠢ ᠮᠦᠯᠢᠭᠦ ᠮᠠᠰᠢᠨ ᠢᠶᠠᠷ ᠮᠦᠯᠢᠨ᠎ᠠ᠃ ᠬᠤᠶᠠᠷ ᠲᠤ ᠭᠦᠮᠦᠨ ᠤ ᠭᠦᠴᠤ ᠪᠠᠷ | ᠮᠦᠯᠢᠨ᠎ᠠ᠃ ᠭᠦᠮᠦᠨ ᠤ ᠭᠦᠴᠤ ᠪᠠᠷ ᠮᠦᠯᠢᠭᠦ ᠠᠷᠭ᠎ᠠ ᠪᠤᠯ ᠬᠠᠳᠠᠭᠠᠠᠠᠰᠠᠨ ᠡᠷᠡᠨᠳᠡ ᠪᠠᠨ ᠬᠠᠳᠠᠭᠤ ᠭᠠᠵᠠᠷ ᠲᠠᠯᠠᠪᠤᠷ ︵ᠱᠦᠢᠨᠢ ᠲᠠᠯᠠᠪᠤᠷ ᠢ ᠭᠡᠷᠡᠭᠯᠡᠵᠤ ᠪᠤᠯᠬᠤ ᠦᠭᠡᠢ︶ | ᠲᠡᠭᠡᠷ᠎ᠡ 10cm ᠤᠷᠴᠢᠮ ᠵᠤᠵᠠᠭᠠᠨ ᠲᠡᠯᠭᠡᠨ ᠲᠡᠪᠢᠰᠴᠤ᠂ ᠴᠢᠯᠠᠭᠤᠨ ᠰᠢᠳᠠᠮ ᠪᠤᠶᠤ ᠮᠤᠳᠤᠨ ᠰᠢᠳᠡᠮ ᠢᠶᠠᠷ ᠲᠠᠭᠢᠨ ᠲᠠᠪᠳᠡᠨ ᠰᠠᠪᠠᠵᠤ ᠬᠠᠯᠢᠰᠤ ᠶᠢ ᠨᠢ ᠴᠠᠪᠡᠷᠯᠡᠨ | ᠠᠷᠢᠯᠭᠠᠨ᠎ᠠ᠃ | 19. ᠡᠷᠡᠨᠳᠡ ᠲᠠᠷᠢᠬᠤ ᠳᠤ ᠪᠦᠷᠭᠦᠭᠦᠯ ᠲᠠᠳᠠᠵᠤ ᠪᠤᠯᠤᠨ᠎ᠠ ᠤᠤ︖ | ᠭᠡᠯᠡᠯᠭᠡᠨ ᠦᠭᠡᠢ ᠪᠤᠯᠤᠨ᠎ᠠ᠃ ᠪᠦᠷᠭᠦᠭᠦᠯ ᠢᠶᠠᠷ ᠬᠤᠴᠢᠪᠡᠯ᠂ ᠭᠠᠵᠠᠷ ᠤᠨ ᠲᠤᠯᠠᠭᠠᠨ ᠢ ᠲᠡᠭᠡᠭᠰᠢᠯᠡᠭᠦᠯᠦᠨ᠂ ᠡᠷᠳᠡ ᠰᠤᠶᠤᠭᠠᠯᠠᠬᠤ ᠲᠦᠷᠭᠡᠨ ᠤᠷᠭᠤᠬᠤ ᠶᠢ | ᠠᠭᠢᠭᠤᠯᠵᠤ᠂ ᠭᠦᠷᠦᠰᠤ ᠰᠢᠷᠤᠢ ᠶᠢᠨ ᠴᠢᠭᠢᠭ ᠪᠤᠷᠳᠤᠭᠤᠷ ᠢ ᠬᠠᠮᠠᠭᠠᠯᠠᠬᠤ ᠪᠠ ᠭᠦᠷᠦᠰᠤ ᠰᠢᠷᠤᠢ ᠶᠢ ᠰᠤᠯᠠᠬᠠᠨ ᠪᠠᠶᠢᠯᠭᠠᠵᠤ᠂ ᠭᠦᠷᠦᠰᠤ ᠰᠢᠷᠤᠢ ᠶᠢᠨ ᠰᠢᠮ᠎ᠠ | ᠲᠡᠵᠢᠭᠡᠯ ᠤᠨ ᠠᠰᠢᠠᠠᠯᠠᠯᠳᠠ ᠶᠢᠨ ᠨᠤᠷᠮ᠎ᠡ ᠶᠢ ᠲᠡᠭᠡᠭᠰᠢᠯᠡᠭᠦᠯᠵᠤ᠂ ᠭᠦᠷᠦᠰᠤᠨ ᠤ ᠲᠠᠪᠤᠰᠤᠵᠢᠯ ᠤᠨ ᠭᠡᠮᠵᠢᠶ᠎ᠠ ᠶᠢ ᠬᠤᠷᠢᠠᠠᠯᠠᠵᠤ᠂ ᠭᠡᠮ ᠬᠤᠷᠤᠬᠠᠢ ᠶᠢᠨ ᠭᠦᠨᠦᠭᠡᠯ ᠢ | ᠪᠠᠭᠠᠰᠬᠠᠵᠤ᠂ ᠭᠦᠳᠡᠯᠮᠤᠷᠢ ᠶᠢᠨ ᠡᠷᠴᠢᠮ ᠢ ᠪᠠᠭᠤᠷᠠᠭᠤᠯᠵᠤ᠂ ᠶᠠᠷᠦᠩᠭᠡᠢ ᠳᠡᠭᠡᠨ ᠤᠨᠠᠯᠳᠠ ᠶᠢ 30% ᠠᠴᠠ ᠲᠡᠭᠡᠭᠰᠢ ᠨᠡᠮᠡᠭᠳᠡᠭᠦᠯᠳᠡᠭ᠃ | ᠭᠡᠪᠡᠴᠤ ᠡᠩ ᠲᠠᠷᠢᠭᠦᠨ ᠳᠤ ᠤᠷᠤᠭᠤᠯᠤᠯᠳᠠ ᠪᠠ ᠭᠠᠷᠭᠠᠯᠳᠠ ᠶᠢᠨ ᠭᠦᠴᠤᠨ ᠵᠦᠢᠯ ᠢ ᠪᠤᠳᠤᠯᠭᠢᠯᠠᠬᠤ ᠭᠡᠷᠡᠭᠳᠡᠢ᠃ ᠶᠠᠷᠤ ᠶᠢᠨ ᠪᠠᠶᠢᠳᠠᠯ ᠲᠤᠤᠷ᠎ᠠ | ᠪᠦᠷᠭᠦᠭᠦᠯ ᠢᠶᠠᠷ ᠬᠤᠴᠢᠬᠤ ᠮᠡᠷᠭᠡᠵᠢᠯ ᠢ ᠭᠡᠷᠡᠭᠯᠡᠭᠦ ᠳᠤ ᠮᠤ᠋ ᠪᠦᠷᠢ ᠦᠪᠡᠷ ᠤᠨ ᠦᠷᠳᠡᠭ ᠢ 30~50 ᠲᠦᠭᠦᠷᠢᠭ ᠨᠡᠮᠡᠭᠳᠡᠭᠦᠯᠭᠦ ᠴᠢᠬᠤᠯᠠ ᠲᠠᠢ ᠶᠤᠮ᠃ ᠭᠡᠷᠪᠡ | ᠡᠷᠡᠨᠳᠡ ᠶᠢᠨ ᠵᠠᠬ᠎ᠠ ᠲᠡᠯᠭᠡᠭᠦᠷ ᠤᠨ ᠪᠤᠷᠤᠯᠠᠭᠤᠯᠭ᠎ᠠ ᠶᠢᠨ ᠦᠨ᠎ᠠ ᠬᠠᠨᠭ᠍ᠰᠢ ᠭᠡᠳᠦᠷᠭᠡᠢ ᠲᠤᠤᠷ᠎ᠡ ᠪᠤᠯᠪᠠᠯ ᠦᠷ᠎ᠡ ᠠᠰᠢᠭ ᠬᠠᠷᠢᠴᠠᠩᠭᠤᠢ ᠪᠠᠷ ᠬᠠᠰᠤᠠᠠᠳᠠᠵᠤ ᠠᠰᠠᠭᠤᠳᠠᠯ | ᠲᠤᠯᠭᠠᠷᠠᠨ᠎ᠠ᠃ ᠡᠶᠢᠮᠤ ᠪᠢᠰᠢ ᠪᠤᠯ ᠮᠡᠳᠡᠭᠳᠡᠮ᠎ᠡ ᠠᠵᠤ ᠠᠬᠤᠢ ᠶᠢᠨ ᠦᠷ᠎ᠡ ᠠᠰᠢᠭ ᠤᠯᠬᠤ ᠪᠤᠯᠤᠨ᠎ᠠ᠃ | 20. ᠡᠷᠡᠨᠳᠡ ᠶᠢ ᠪᠦᠷᠭᠦᠭᠦᠯ ᠳᠤ ᠶᠠᠭᠠᠭᠢᠵᠤ ᠲᠠᠷᠢᠬᠤ ᠪᠤᠢ︖ | ᠡᠩ ᠲᠡᠷᠢᠭᠦᠨ ᠳᠤ ᠪᠦᠷᠭᠦᠭᠦᠯ ᠤᠨ ᠭᠠᠵᠠᠷ ᠲᠠᠯᠠᠪᠠᠢ ᠪᠠᠨ ᠰᠠᠶᠢᠳᠤᠷ ᠲᠡᠭᠰᠢᠯᠡᠨ᠂ ᠪᠤᠷᠳᠤᠭᠤᠷ ᠤᠷᠤᠭᠤᠯᠬᠤ ᠭᠡᠷᠡᠭᠳᠡᠢ᠃ ᠶᠠᠷᠦᠩᠬᠡᠢ ᠳᠡᠭᠡᠨ ᠡᠪᠤᠯ ᠭᠠᠵᠠᠷ | ᠲᠠᠯᠠᠪᠠᠢ ᠳᠠᠭᠠᠨ 1000~2000kg ᠤᠷᠭᠠᠨᠢᠭ ᠪᠠ ᠰᠢᠭᠡᠭ ᠪᠤᠷᠳᠤᠭᠤᠷ ᠤᠷᠤᠭᠤᠯᠵᠤ᠂ ᠬᠠᠪᠤᠷ ᠭᠠᠵᠠᠷ ᠭᠡᠰᠦᠭᠰᠡᠨ ᠤ ᠰᠡᠭᠦᠯᠡᠷ ᠮᠤ᠋ ᠪᠦᠷᠢ 30~50kg | ᠭᠤᠷᠪᠡᠨ ᠨᠡᠶᠢᠯᠡᠯᠭᠡ ᠶᠢᠨ ᠰᠠᠭᠤᠷᠢ ᠪᠤᠷᠳᠤᠭᠤᠷ ᠰᠠᠴᠤᠨ ᠤᠷᠤᠭᠤᠯᠬᠤ ᠪᠤᠶᠤ 50kg ᠭᠡᠳᠤ ᠹᠤᠰᠹᠤᠷ ᠭᠦᠴᠢᠯ ᠤᠨ ᠺᠠᠯᠼ ᠶᠢ 10~15kg ᠭᠦᠭᠦᠷ ᠭᠦᠴᠢᠯ ᠤᠨ | ᠺᠠᠯᠢ ᠲᠠᠢ ᠬᠤᠯᠢᠨ ᠤᠷᠤᠭᠤᠯᠵᠤ᠂ 30~40kg ᠨᠡᠭᠦᠷᠡᠰᠤ ᠭᠦᠴᠢᠯ ᠤᠨ ᠤᠰᠤᠳᠦ᠋ᠷᠦᠭᠴᠢᠳᠦ ᠰᠢᠪᠳᠤᠷ ᠢ ᠰᠠᠭᠤᠷᠢ ᠪᠤᠷᠳᠤᠭᠤᠷ ᠪᠤᠯᠭᠠᠵᠤ᠂ ᠲᠠᠷᠠᠭ᠎ᠠ ᠪᠠᠷ ᠨᠢ 365赢多少钱会被限额_国内有真正的365平台吗_365bet博彩官网 | ᠭᠦᠨ ᠬᠠᠭᠠᠯᠪᠤᠷᠢᠯᠠᠨ ᠲᠡᠭᠰᠢᠯᠡᠨ᠎ᠡ᠃ ᠬᠠᠭᠠᠯᠪᠤᠷᠢᠯᠠᠬᠤ ᠠᠴᠠ ᠪᠠᠨ ᠡᠮᠦᠨ᠎ᠠ ᠪᠤᠷᠳᠤᠭᠤᠷ ᠤᠷᠤᠭᠤᠯᠤᠭᠰᠠᠨ ᠦᠭᠡᠢ ᠭᠠᠵᠠᠷ ᠭᠡᠰᠡᠭ ᠲᠤ ᠬᠠᠭᠠᠯᠪᠤᠷᠢᠯᠬᠠᠰᠠᠨ ᠤ ᠪᠠᠨ | ᠰᠡᠭᠦᠯᠡᠷ ᠡᠷᠡᠨᠳᠡ ᠶᠢᠨ ᠢᠶᠠᠨ ᠵᠤᠷᠠᠭ᠎ᠠ ᠶᠢᠨ ᠵᠠᠢ ᠶᠢ ᠦᠨᠳᠦᠰᠦᠯᠡᠨ ᠲᠠᠷᠢᠬᠤ ᠮᠦᠷ ᠠᠴᠠ ᠪᠠᠨ 15~20cm ᠵᠠᠶᠢᠳᠠᠢ᠂ 5~10cm ᠭᠦᠨ ᠳᠤ ᠮᠠᠰᠢᠨ ᠢᠶᠠᠷ | ᠪᠤᠷᠳᠤᠭᠤᠷ ᠤᠷᠤᠭᠤᠯᠬᠤ ᠭᠡᠷᠡᠭᠳᠡᠢ᠃ ᠭᠡᠭᠦ ᠳᠡᠭᠡᠨ ᠬᠤᠵᠢᠷᠯᠢᠬ ᠭᠠᠵᠠᠷ ᠢ ᠪᠤᠯ ᠭᠦᠯᠳᠡᠭᠦ ᠠᠴᠠ ᠡᠮᠦᠨ᠎ᠠ ᠭᠦᠨ ᠬᠠᠭᠠᠯᠪᠤᠷᠢᠯᠠᠨ ᠨᠠᠷᠬᠠᠳᠠᠬᠤ ᠦᠭᠡᠢ ᠲᠠᠯᠪᠢᠨ᠂ | ᠭᠦᠷᠤᠰᠤ ᠰᠢᠷᠤᠢ ᠶᠢᠨ ᠰᠠᠯᠭᠢᠵᠢᠯ ᠢ ᠠᠭᠢᠭᠤᠯᠵᠤ᠂ ᠬᠠᠪᠤᠷ ᠭᠠᠵᠠᠷ ᠭᠡᠰᠦᠭᠰᠡᠨ ᠤ ᠰᠡᠭᠦᠯᠡᠷ ᠤᠰᠤᠯᠠᠨ ᠬᠤᠵᠢᠷ ᠢ ᠨᠢ ᠲᠠᠷᠤᠵᠤ ᠨᠠᠷᠢᠯᠢᠬ ᠨᠠᠷᠬᠠᠳᠠᠨ ᠲᠡᠭᠰᠢᠯᠡᠨ᠎ᠡ᠃ | ᠤᠷᠭᠠᠨᠢᠭ ᠪᠤᠷᠳᠤᠭᠤᠷ ᠨᠡᠮᠡᠨ ᠤᠷᠤᠭᠤᠯᠵᠤ᠂ ᠭᠡᠳᠤ ᠹᠤᠰᠹᠤᠷ ᠭᠦᠴᠢᠯ ᠤᠨ ᠺᠠᠯᠼ ᠪᠠᠷ ᠭᠦᠷᠦᠰᠤ ᠰᠢᠷᠤᠢ ᠶᠢᠨ ᠪᠦᠳᠦᠴᠡ ᠶᠢ ᠰᠠᠶᠢᠵᠢᠷᠠᠭᠤᠯᠵᠤ᠂ ᠭᠦᠷᠦᠰᠤ | ᠰᠢᠷᠤᠢ ᠶᠢᠨ ᠭᠡᠢ ᠨᠡᠪᠳᠡᠷᠡᠭᠦ ᠴᠢᠨᠠᠷ ᠪᠠ | ᠤᠰᠤᠨ ᠤ ᠬᠠᠳᠠᠭᠠᠯᠠᠯᠳᠠ ᠶᠢ ᠨᠡᠮᠡᠭᠳᠡᠭᠦᠯᠵᠤ᠂ ᠲᠠᠪᠤᠰᠤᠵᠢᠯ ᠬᠤᠵᠢᠷᠳᠤᠯ ᠨᠢ ᠡᠷᠡᠨᠳᠡ ᠶᠢᠨ ᠦᠨᠳᠤᠰᠤᠨ ᠰᠢᠰᠲ᠋ᠧᠮ ᠢ ᠭᠡᠮᠳᠦᠭᠡᠭᠦ ᠠᠴᠠ ᠰᠡᠷᠭᠡᠶᠢᠯᠡᠨ᠎ᠡ᠃ | ᠲᠠᠷᠠᠭ᠎ᠠ ᠳᠤᠨᠢ ᠪᠦᠷᠭᠦᠭᠦᠯ ᠢᠶᠠᠷ ᠬᠤᠴᠢᠬᠤ ᠴᠠᠭ ᠬᠤᠭᠤᠴᠠᠭ᠎ᠠ ᠶᠢ ᠪᠤᠯ ᠡᠯ᠎ᠡ ᠭᠠᠵᠠᠷ ᠤᠨ ᠠᠭᠤᠷ ᠠᠮᠢᠰᠬᠤᠯ ᠤᠨ ᠨᠦᠭᠦᠴᠡᠯ ᠢ ᠦᠨᠳᠦᠰᠦᠯᠡᠨ | ᠲᠤᠠᠠᠳᠠᠭᠠᠨ᠎ᠠ᠃ ᠶᠠᠷᠦᠩᠭᠡᠢ ᠳᠡᠭᠡᠨ ᠬᠠᠪᠤᠷ ᠭᠠᠵᠠᠷ ᠭᠡᠰᠦᠭᠰᠡᠨ ᠤ ᠰᠡᠭᠦᠯᠡᠷ ᠭᠠᠵᠠᠷ ᠤᠨ ᠲᠤᠯᠠᠭᠠᠨ 5℃ ᠲᠤ ᠲᠤᠭᠳᠠᠪᠦᠷᠢᠵᠢᠬᠤ ᠦᠶᠡᠰ ᠪᠦᠷᠭᠦᠭᠦᠯ ᠢᠶᠠᠨ ᠬᠤᠴᠢᠨ᠎ᠠ | ᠃ ᠪᠦᠷᠭᠦᠭᠦᠯ ᠢᠶᠠᠨ ᠤᠷᠢᠳᠴᠢᠯᠠᠨ ᠬᠤᠴᠢᠪᠡᠯ ᠭᠦᠷᠤᠰᠤ ᠰᠢᠷᠤᠢ ᠶᠢᠨ ᠤᠰᠤ ᠶᠢ ᠬᠠᠮᠠᠭᠠᠯᠠᠬᠤ ᠪᠠ ᠭᠠᠵᠠᠷ ᠤᠨ ᠲᠤᠯᠠᠭᠠᠨ ᠢ ᠨᠡᠮᠡᠭᠳᠡᠭᠦᠯᠭᠦ ᠳᠤ ᠠᠰᠢᠠᠠᠳᠠᠢ ᠶᠤᠮ᠃ | ᠡᠷᠨᠨᠳᠡ ᠶᠢᠨ ᠪᠦᠷᠭᠦᠭᠦᠯ ᠢ ᠶᠠᠷᠤ ᠠᠴᠠ ᠲᠡᠩ ᠮᠦᠷ ᠢᠶᠠᠷ ᠬᠤᠴᠢᠪᠡᠯ ᠨᠡᠯᠢᠶᠡᠳ ᠰᠠᠶᠢᠨ ᠪᠠᠶᠢᠳᠠᠭ᠃ ᠡᠭᠦᠨ ᠤ ᠬᠠᠮᠳᠤ ᠪᠦᠷᠭᠦᠭᠦᠯ ᠬᠤᠴᠢᠬᠤ ᠮᠦᠷ ᠤᠨ ᠵᠠᠢ ᠶᠢ | 120~140cm ᠦᠷᠭᠡᠳᠭᠡᠵᠤ᠂ ᠪᠡᠯᠡ ᠤᠷᠤᠭᠤᠯᠤᠯᠳᠠ ᠶᠢ ᠠᠷᠪᠢᠯᠠᠬᠤ ᠶᠢᠨ ᠲᠤᠰᠠᠳᠠ 60~70cm ᠦᠷᠭᠡᠨ ᠡᠩ ᠲᠠᠢ᠂ 0.006~0.008cm | ᠵᠤᠵᠠᠭᠠᠨ ᠭᠡᠳᠤ ᠨᠢᠮᠭᠡᠨ ᠭᠡᠯᠪᠡᠷᠢ ᠶᠢᠨ ᠪᠦᠭᠡᠭᠡᠨᠡᠷᠡᠯ ᠡᠲ᠋ᠧᠨ ᠪᠦᠷᠭᠦᠭᠦᠯ ᠪᠤᠶᠤ ᠲᠤᠤᠷ᠎ᠠ ᠲᠠᠷᠤᠴᠠᠳᠤ ᠪᠦᠭᠡᠭᠡᠨᠡᠷᠡᠯ ᠡᠲ᠋ᠧᠨ ᠤ ᠦᠨᠳᠤᠷ ᠨᠢᠠᠠᠳᠠᠴᠠᠳᠤ ᠪᠦᠷᠭᠦᠭᠦᠯ ᠢ | ᠭᠡᠷᠡᠭᠯᠡᠵᠤ ᠪᠤᠯᠤᠨ᠎ᠠ᠃ ᠡᠭᠦᠨ ᠠᠴᠠ ᠭᠠᠳᠠᠨ᠎ᠠ ᠪᠤᠰᠤᠳ ᠲᠠᠯ᠎ᠠ ᠶᠢᠨ ᠬᠠᠮᠢᠶᠠᠷᠤᠯᠳᠠ ᠶᠢᠨ ᠠᠷᠭ᠎ᠠ ᠶᠢ ᠡᠷᠡᠨᠳᠡ ᠶᠢᠨ ᠪᠠᠶᠢᠡᠭᠭᠤ ᠶᠢᠨ ᠲᠠᠷᠢᠬᠤ ᠲᠦᠷᠢᠮ ᠢᠶᠠᠷ | ᠶᠠᠪᠤᠠᠠᠳᠠᠭᠤᠯᠤᠨ᠎ᠠ᠃ |