ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ | | 204 ᠳ᠋ᠤᠭᠡᠷ ᠲᠤᠭᠠᠳᠤ | | ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠶᠢᠨ ᠬᠡᠷᠡᠭᠵᠢᠭᠦᠯᠬᠦ ᠠᠷᠭ᠎ᠠ﹀ ᠳᠤ | ᠵᠠᠰᠠᠪᠤᠷᠢ ᠣᠷᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ 2014 ᠣᠨ ᠤ | 11 ᠳ᠋ᠤᠭᠡᠷ ᠰᠠᠷ᠎ᠠ ᠶᠢᠨ 7 ᠤ ᠡᠳᠦᠷ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠭᠤᠴᠢᠨ ᠳᠥᠷᠪᠡᠳᠦᠭᠡᠷ ᠤᠳᠠᠭ᠎ᠠ ᠶᠢᠨ | ᠪᠠᠶᠢᠩᠭᠤ ᠶᠢᠨ ᠬᠤᠷᠠᠯ ᠢᠶᠠᠷ ᠬᠢᠨᠠᠨ ᠵᠦᠪᠯᠡᠵᠦ ᠪᠠᠲᠤᠯᠠᠭᠠᠳ᠂ ᠡᠳᠦᠭᠡ ᠨᠡᠶᠢᠲᠡᠯᠡᠪᠡ᠂ 2014 ᠣᠨ ᠤ 12 ᠳ᠋ᠤᠭᠠᠷ ᠰᠠᠷ᠎ᠠ ᠶᠢᠨ 18 ᠤ ᠡᠳᠦᠷ ᠠᠴᠠ ᠡᠬᠢᠯᠡᠵᠦ | ᠬᠡᠷᠡᠭᠵᠢᠭᠦᠯᠥᠨ᠎ᠡ᠃ | ᠥᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ ᠪᠠᠭᠠᠲᠤᠷ | 2014 ᠣᠨ ᠤ 11 ᠳ᠋ᠤᠭᠡᠷ ᠰᠠᠷ᠎ᠠ ᠶᠢᠨ 18 ᠤ ᠡᠳᠦᠷ | | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ | ᠡᠵᠡᠯᠡᠨ ᠬᠡᠷᠡᠭᠯᠡᠭᠰᠡᠨ ᠤ ᠭᠠᠶᠢᠯᠢ ᠶᠢᠨ ᠬᠡᠷᠡᠭᠵᠢᠭᠦᠯᠬᠦ ᠠᠷᠭ᠎ᠠ︾ ᠳᠤ ᠳᠣᠣᠷᠠᠬᠢ ᠮᠡᠲᠦ ᠵᠠᠰᠠᠪᠤᠷᠢ ᠣᠷᠤᠭᠤᠯᠬᠤ ᠪᠠᠷ ᠲᠣᠭᠲᠠᠪᠠ᠄ | ᠨᠢᠭᠡ᠂ ᠨᠠᠢᠮᠠᠳᠤᠭᠠᠷ ᠵᠦᠢᠯ ᠤᠨ ᠨᠢᠭᠡᠳᠦᠭᠡᠷ ᠵᠣᠷᠪᠣᠰ ᠲᠤ᠄ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠲᠣᠬᠢᠷᠠᠬᠤ ᠭᠠᠶᠢᠯᠢ ᠶᠢᠨ | ᠨᠤᠷᠮ᠎ᠠ ᠶᠢ ᠲᠤᠰ ᠠᠷᠭ᠎ᠠ ᠶᠢᠨ ᠵᠢᠷᠭᠤᠳᠤᠭᠠᠷ ᠵᠦᠢᠯ ᠳᠤ ᠲᠣᠭᠲᠠᠭᠠᠬᠰᠠᠨ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠲᠣᠬᠢᠷᠠᠬᠤ ᠭᠠᠶᠢᠯᠢ ᠶᠢᠨ ᠨᠤᠷᠮ᠎ᠠ ᠶᠢᠨ | ᠰᠠᠭᠤᠷᠢᠨ ᠳᠡᠭᠡᠷ᠎ᠡ 50% ᠪᠠᠷ ᠳᠡᠭᠡᠭᠰᠢᠯᠡᠭᠦᠯᠦᠨ᠎ᠡ ᠭᠡᠵᠦ ᠵᠠᠰᠠᠪᠤᠷᠢ ᠣᠷᠣᠭᠤᠯᠪᠠ᠃ | ᠬᠤᠶᠠᠷ᠂ ᠠᠷᠪᠠᠨ ᠲᠠᠪᠤᠳᠤᠭᠠᠷ ᠵᠦᠢᠯ ᠤᠨ ᠨᠢᠭᠡᠳᠦᠭᠡᠷ ᠵᠤᠷᠪᠤᠰ ᠲᠤ᠄ ᠣᠢ ᠰᠢᠭᠤᠢ ᠶᠢᠨ ᠭᠠᠵᠠᠷ᠂ ᠪᠡᠯᠴᠢᠭᠡᠷ ᠤᠨ ᠭᠠᠵᠠᠷ᠂ ᠲᠠᠷᠢᠶᠠᠨ ᠭᠠᠵᠠᠷ ᠤᠨ | ᠤᠰᠤᠨ ᠠᠰᠢᠭᠯᠠᠯᠲᠠ ᠳᠤ ᠬᠡᠷᠡᠭᠯᠡᠬᠦ ᠭᠠᠵᠠᠷ᠂ ᠲᠡᠵᠢᠭᠡᠨ ᠦᠷᠡᠵᠢᠭᠦᠯᠬᠦ ᠤᠰᠤᠨ ᠤ ᠭᠠᠳᠠᠷᠭᠤ ᠵᠢᠴᠢ ᠵᠢᠭᠠᠰᠤᠨ ᠠᠵᠤ ᠠᠬᠤᠢ ᠶᠢᠨ ᠤᠰᠤᠨ ᠤ ᠲᠠᠩ ᠵᠡᠷᠭᠡ ᠪᠤᠰᠤᠳ | ᠲᠠᠷᠢᠶᠠᠨ ᠭᠠᠵᠠᠷ ᠲᠤ ᠭᠡᠷ ᠪᠠᠷᠢᠬᠤ ᠪᠤᠶᠤ ᠲᠠᠷᠢᠶᠠᠯᠠᠩ ᠤᠨ ᠪᠤᠰᠤ ᠪᠦᠲᠦᠭᠡᠨ ᠪᠠᠶᠢᠭᠤᠯᠤᠯᠲᠠ ᠬᠢᠬᠦ ᠳᠤ᠂ ᠲᠤᠰ ᠠᠷᠭ᠎ᠠ ᠶᠢᠨ ᠲᠣᠭᠲᠠᠭᠠᠯ ᠲᠠᠢ ᠬᠠᠷᠢᠴᠠᠭᠤᠯᠵᠤ | ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠲᠠᠲᠠᠪᠤᠷᠢᠯᠠᠵᠤ᠂ ᠲᠣᠬᠢᠷᠠᠬᠤ ᠭᠠᠶᠢᠯᠢ ᠶᠢᠨ ᠨᠤᠷᠮ᠎ᠠ ᠨᠢ ᠲᠤᠬᠠᠢ ᠶᠢᠨ ᠭᠠᠵᠠᠷ ᠤᠨ ᠲᠠᠷᠢᠶᠠᠨ ᠭᠠᠵᠠᠷ ᠡᠵᠡᠯᠡᠨ | ᠬᠡᠷᠡᠭᠯᠡᠭᠰᠡᠨ ᠲᠣᠬᠢᠷᠠᠬᠤ ᠭᠠᠶᠢᠯᠢ ᠶᠢᠨ ᠨᠤᠷᠮ᠎ᠠ ᠶᠢᠨ ᠪᠠᠷᠢᠮᠵᠢᠶ᠎ᠠ ᠲᠠᠢ ᠠᠳᠠᠯᠢ ᠪᠣᠯᠭᠠᠬᠤ ᠬᠡᠷᠡᠭᠲᠡᠢ ᠭᠡᠵᠦ ᠵᠠᠰᠠᠪᠤᠷᠢ ᠣᠷᠣᠭᠤᠯᠪᠠ᠃ | ᠲᠤᠰ ᠲᠣᠭᠲᠠᠭᠠᠯ ᠢ 2014 ᠣᠨ ᠤ 12 ᠳ᠋ᠤᠭᠠᠷ ᠰᠠᠷ᠎ᠠ ᠶᠢᠨ 18 ᠤ ᠡᠳᠦᠷ ᠠᠴᠠ ᠡᠬᠢᠯᠡᠵᠦ ᠬᠡᠷᠡᠭᠵᠢᠭᠦᠯᠥᠨ᠎ᠡ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠶᠢᠨ ᠬᠡᠷᠡᠭᠵᠢᠭᠦᠯᠬᠦ ᠠᠷᠭ᠎ᠠ︾ ᠨᠢ ᠲᠤᠰ | ᠲᠣᠭᠲᠠᠭᠠᠯ ᠢ ᠦᠨᠳᠦᠰᠦᠯᠡᠵᠦ ᠵᠣᠬᠢᠬᠤ ᠵᠠᠰᠠᠪᠤᠷᠢ ᠣᠷᠣᠭᠤᠯᠵᠤ᠂ ᠰᠢᠨ᠎ᠡ ᠪᠠᠷ ᠨᠡᠶᠢᠲᠡᠯᠡᠪᠡ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ | ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠶᠢᠨ ᠬᠡᠷᠡᠭᠵᠢᠭᠦᠯᠬᠦ ᠠᠷᠭ᠎ᠠ | | ︵2008 ᠣᠨ ᠤ 5 ᠳ᠋ᠤᠭᠠᠷ ᠰᠠᠷ᠎ᠠ ᠶᠢᠨ 30 ᠤ ᠡᠳᠦᠷ ᠤᠨ ᠨᠡᠶᠢᠲᠡᠯᠡᠭᠰᠡᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ | ᠵᠠᠷᠯᠢᠭ 158 ᠳ᠋ᠤᠭᠠᠷ ᠲᠣᠭᠠᠲᠤ ᠪᠠᠷ ᠨᠡᠶᠢᠲᠡᠯᠡᠪᠡ᠃ 2014 ᠣᠨ ᠤ 11 ᠳ᠋ᠤᠭᠡᠷ ᠰᠠᠷ᠎ᠠ ᠶᠢᠨ 18 ᠤ ᠡᠳᠦᠷ ᠤᠨ ︽︿ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠶᠢᠨ ᠬᠡᠷᠡᠭᠵᠢᠭᠦᠯᠬᠦ ᠠᠷᠭ᠎ᠠ﹀ ᠳᠤ ᠵᠠᠰᠠᠪᠤᠷᠢ ᠣᠷᠤᠭᠤᠯᠬᠤ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ ᠦᠨᠳᠦᠰᠦᠯᠡᠵᠦ ᠵᠠᠰᠠᠪᠤᠷᠢ ᠣᠷᠣᠭᠤᠯᠪᠠ︶ | | ᠨᠢᠭᠡᠳᠦᠭᠡᠷ ᠵᠦᠢᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠶᠢᠨ ᠲᠦᠷ | ᠬᠡᠷᠡᠭᠵᠢᠭᠦᠯᠬᠦ ᠳᠦᠷᠢᠮ︾ ᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠪᠤᠲᠠᠲᠠᠢ ᠲᠠᠢ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠲᠠᠷᠢᠶᠠᠨ ᠭᠠᠵᠠᠷ ᠪᠣᠯ ᠲᠠᠷᠢᠮᠠᠯ ᠤᠨ ᠵᠦᠢᠯ ᠢ ᠲᠠᠷᠢᠬᠤ ᠳᠤ ᠬᠡᠷᠡᠭᠯᠡᠬᠦ ᠭᠠᠵᠠᠷ ᠰᠢᠷᠤᠢ ᠶᠢ | ᠵᠢᠭᠠᠵᠤ ᠪᠤᠢ᠃ | ᠭᠤᠷᠪᠠᠳᠤᠭᠠᠷ ᠵᠦᠢᠯ ᠦᠪᠡᠷᠲᠡᠭᠡᠨ ᠵᠠᠰᠠᠬᠤ ᠣᠷᠣᠨ ᠤ ᠲᠣᠲᠤᠷ᠎ᠠ ᠲᠠᠷᠢᠶᠠᠨ ᠭᠠᠵᠠᠷ ᠡᠵᠡᠯᠡᠨ ᠭᠡᠷ ᠪᠠᠷᠢᠬᠤ ᠪᠤᠶᠤ ᠲᠠᠷᠢᠶᠠᠯᠠᠩ ᠶᠢᠨ ᠪᠤᠰᠤ | ᠪᠦᠲᠦᠭᠡᠨ ᠪᠠᠶᠢᠭᠤᠯᠤᠯᠲᠠ ᠬᠢᠬᠦ ᠨᠢᠭᠡᠴᠡ ᠪᠤᠶᠤ ᠬᠤᠪᠢ ᠬᠦᠮᠦᠨ ᠪᠣᠯ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠶᠢᠨ ᠭᠠᠶᠢᠯᠢ ᠲᠤᠰᠢᠶᠠᠭᠴᠢ ᠪᠣᠯᠣᠨ᠎ᠠ᠃ | ᠡᠮᠦᠨᠡᠬᠢ ᠵᠤᠷᠪᠤᠰ ᠲᠤ ᠬᠡᠯᠡᠵᠤ ᠪᠠᠶᠢᠭ᠎ᠠ ᠨᠢᠭᠡᠴᠡ ᠳᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠬᠠᠮᠲᠤ ᠶᠢᠨ ᠠᠵᠤ ᠠᠬᠤᠶᠢᠯᠠᠯ᠂ ᠬᠤᠪᠢ ᠶᠢᠨ | ᠡᠵᠡᠩᠨᠡᠯᠲᠡ ᠶᠢᠨ ᠠᠵᠤ ᠠᠬᠤᠶᠢᠯᠠᠯ᠂ ᠬᠤᠪᠢᠴᠠᠭᠠᠲᠤ ᠳᠦᠷᠢᠮ ᠤᠨ ᠠᠵᠤ ᠠᠬᠤᠶᠢᠯᠠᠯ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠤᠭᠤᠯᠤᠭᠰᠠᠨ ᠠᠵᠤ | ᠠᠬᠤᠶᠢᠯᠠᠯ᠂ ᠭᠠᠳᠠᠭᠠᠳᠤ ᠶᠢᠨ ᠠᠵᠤ ᠠᠬᠤᠶᠢᠯᠠᠯ ᠵᠢᠴᠢ ᠪᠤᠰᠤᠳ ᠠᠵᠤ ᠠᠬᠤᠶᠢᠯᠠᠯ ᠪᠣᠯᠣᠨ ᠠᠵᠤ ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ᠂ ᠲᠥᠷᠥ ᠶᠢᠨ | ᠪᠠᠶᠢᠭᠤᠯᠭ᠎ᠠ᠂ ᠴᠡᠷᠢᠭ ᠠᠩᠭᠢ ᠵᠢᠴᠢ ᠪᠤᠰᠤᠳ ᠨᠢᠭᠡᠴᠡ ᠪᠠᠭᠲᠠᠨ᠎ᠠ︔ ᠬᠤᠪᠢ ᠬᠥᠮᠥᠨ ᠭᠡᠳᠡᠭ ᠲᠤ ᠬᠤᠪᠢᠨ ᠤ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠵᠢᠴᠢ | ᠪᠤᠰᠤᠳ ᠬᠤᠪᠢ ᠬᠥᠮᠥᠨ ᠪᠠᠭᠲᠠᠨ᠎ᠠ᠃ | ᠳᠥᠷᠪᠡᠳᠦᠭᠡᠷ ᠵᠦᠢᠯ ᠲᠠᠷᠢᠶᠠᠨ ᠭᠠᠵᠠᠷ ᠡᠵᠡᠯᠡᠨ ᠬᠡᠷᠡᠭᠯᠡᠬᠦ ᠪᠠᠷ ᠭᠤᠶᠤᠴᠢᠯᠠᠭᠠᠳ ᠵᠥᠪᠰᠢᠶᠡᠷᠡᠭᠳᠡᠭᠰᠡᠨ ᠭᠠᠶᠢᠯᠢ ᠲᠤᠰᠢᠶᠠᠭᠴᠢ᠂ ᠲᠠᠷᠢᠶᠠᠨ ᠭᠠᠵᠠᠷ | ᠰᠢᠯᠵᠢᠭᠦᠯᠦᠨ ᠬᠡᠷᠡᠭᠯᠡᠬᠦ ᠶᠢ ᠬᠢᠨᠠᠨ ᠵᠥᠪᠰᠢᠶᠡᠷᠡᠭᠰᠡᠨ ᠪᠢᠴᠢᠭ ᠮᠠᠲ᠋ᠤᠷᠢᠶᠠᠯ ᠤᠨ ᠳᠣᠲᠣᠷ᠎ᠠ ᠲᠣᠳᠣᠷᠬᠠᠶᠢᠯᠠᠭᠰᠠᠨ ᠪᠦᠲᠦᠭᠡᠨ ᠪᠠᠶᠢᠭᠤᠯᠤᠯᠲᠠ ᠶᠢᠨ ᠭᠠᠵᠠᠷ ᠬᠡᠷᠡᠭᠯᠡᠭᠴᠢ ᠪᠠᠷ | ᠦᠵᠡᠨ᠎ᠡ︔ ᠲᠠᠷᠢᠶᠠᠨ ᠭᠠᠵᠠᠷ ᠰᠢᠯᠵᠢᠭᠦᠯᠦᠨ ᠬᠡᠷᠡᠭᠯᠡᠬᠦ ᠶᠢ ᠬᠢᠨᠠᠨ ᠵᠥᠪᠰᠢᠶᠡᠷᠡᠭᠰᠡᠨ ᠪᠢᠴᠢᠭ ᠮᠠᠲ᠋ᠤᠷᠢᠶᠠᠯ ᠤᠨ ᠲᠣᠲᠣᠷ᠎ᠠ ᠪᠦᠲᠦᠭᠡᠨ ᠪᠠᠶᠢᠭᠤᠯᠤᠯᠲᠠ ᠶᠢᠨ ᠭᠠᠵᠠᠷ | ᠬᠡᠷᠡᠭᠯᠡᠭᠴᠢ ᠶᠢ ᠨᠢ ᠲᠣᠲᠣᠷᠬᠠᠶᠢᠯᠠᠭᠰᠠᠨ ᠦᠭᠡᠢ ᠪᠣᠯ᠂ ᠭᠠᠶᠢᠯᠢ ᠲᠤᠰᠢᠶᠠᠭᠴᠢ ᠶᠢ ᠭᠠᠵᠠᠷ ᠬᠡᠷᠡᠭᠯᠡᠬᠦ ᠶᠢᠨ ᠭᠤᠶᠤᠴᠢᠯᠠᠭᠴᠢ ᠪᠠᠷ ᠦᠵᠡᠨ᠎ᠡ᠃ | ᠵᠥᠪᠰᠢᠶᠡᠷᠡᠭᠦᠯᠦᠭᠡᠳᠦᠢ ᠪᠠᠷ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠪᠣᠯ ᠭᠠᠶᠢᠯᠢ ᠲᠤᠰᠢᠶᠠᠭᠴᠢ ᠶᠢ ᠪᠣᠳᠠᠳᠠᠢ ᠭᠠᠵᠠᠷ ᠬᠡᠷᠡᠭᠯᠡᠭᠴᠢ ᠪᠠᠷ ᠦᠵᠡᠨ᠎ᠡ᠃ | ᠲᠠᠪᠤᠳᠤᠭᠠᠷ ᠵᠦᠢᠯ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠶᠢ ᠭᠠᠶᠢᠯᠢ ᠲᠤᠰᠢᠶᠠᠭᠴᠢ ᠶᠢᠨ ᠪᠤᠲᠠᠲᠠᠢ ᠡᠵᠡᠯᠡᠨ ᠬᠡᠷᠡᠭᠯᠡᠭᠰᠡᠨ | ᠲᠠᠷᠢᠶᠠᠨ ᠭᠠᠵᠠᠷ ᠤᠨ ᠲᠠᠯᠠᠪᠠᠢ ᠪᠠᠷ ᠭᠠᠶᠢᠯᠢ ᠪᠣᠳᠣᠬᠤ ᠦᠨᠳᠦᠰᠦᠯᠡᠯ ᠪᠣᠯᠭᠠᠵᠤ᠂ ᠲᠣᠭᠲᠠᠭᠠᠭᠰᠠᠨ ᠲᠣᠬᠢᠷᠠᠬᠤ ᠭᠠᠶᠢᠯᠢ ᠶᠢᠨ ᠨᠤᠷᠮ᠎ᠠ ᠪᠠᠷ ᠨᠢᠭᠡ ᠯᠡ ᠤᠳᠠᠭ᠎ᠠ ᠶᠢᠨ | ᠴᠢᠨᠠᠷᠲᠠᠢ ᠲᠠᠲᠠᠪᠤᠷᠢᠯᠠᠨ᠎ᠠ᠃ | ᠡᠮᠦᠨᠡᠬᠢ ᠵᠤᠷᠪᠤᠰ ᠲᠤ ᠬᠡᠯᠡᠵᠤ ᠪᠠᠶᠢᠭ᠎ᠠ ᠪᠤᠲᠠᠲᠠᠢ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ ᠤᠨ ᠲᠠᠯᠠᠪᠠᠢ ᠳᠤ᠂ ᠵᠥᠪᠰᠢᠶᠡᠷᠡᠭᠦᠯᠦᠭᠡᠳ ᠡᠵᠡᠯᠡᠨ ᠬᠡᠷᠡᠭᠯᠡᠭᠰᠡᠨ ᠲᠠᠷᠢᠶᠠᠨ | ᠭᠠᠵᠠᠷ ᠤᠨ ᠲᠠᠯᠠᠪᠠᠢ ᠪᠣᠯᠣᠨ ᠵᠥᠪᠰᠢᠶᠡᠷᠡᠭᠦᠯᠦᠭᠡᠳᠦᠢ ᠪᠠᠷ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ ᠤᠨ ᠲᠠᠯᠠᠪᠠᠢ ᠪᠠᠭᠲᠠᠨ᠎ᠠ᠃ | ᠵᠢᠷᠭᠤᠳᠤᠭᠠᠷ ᠵᠦᠢᠯ ᠠᠶᠢᠮᠠᠭ ᠤᠨ ᠵᠠᠬᠢᠷᠭ᠎ᠠ᠂ ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠤᠮᠳᠠᠴᠢ ᠭᠠᠶᠢᠯᠢ ᠶᠢᠨ | ᠨᠤᠷᠮ᠎ᠠ ᠵᠢᠴᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠣᠬᠢᠷᠠᠬᠤ ᠭᠠᠶᠢᠯᠢ ᠶᠢᠨ ᠨᠤᠷᠮ᠎ᠠ ᠶᠢ ᠳᠣᠣᠷᠠᠬᠢ ᠮᠡᠲᠦ ᠬᠢᠨᠠᠨ ᠲᠣᠭᠲᠠᠭᠠᠪᠠ᠄ | ︵ᠨᠢᠭᠡ︶ ᠬᠥᠬᠡᠬᠤᠲᠠ᠂ ᠪᠣᠭᠤᠲᠣ ᠬᠤᠲᠠ᠂ ᠣᠷᠳᠣᠰ ᠬᠤᠲᠠ᠂ ᠦᠬᠠᠢ ᠬᠤᠲᠠ ᠶᠢᠨ ᠳᠤᠮᠳᠠᠴᠢ ᠭᠠᠶᠢᠯᠢ ᠶᠢᠨ ᠨᠤᠷᠮ᠎ᠠ ᠨᠢ ᠲᠡᠭᠰᠢ ᠳᠥᠷᠪᠡᠯᠵᠢᠨ | ᠮᠧᠲᠷ ᠪᠦᠷᠢ ᠳᠤ 36 ᠲᠥᠭᠦᠷᠢᠭ ᠪᠣᠯᠣᠨ᠎ᠠ᠃ ᠡᠭᠦᠨ ᠳᠤ᠂ ᠬᠥᠮᠥᠨ ᠪᠦᠷᠢ ᠶᠢᠨ ᠳᠤᠮᠳᠠᠴᠢ ᠲᠠᠷᠢᠶᠠᠨ ᠭᠠᠵᠠᠷ ᠨᠢ 1 ᠮᠦ ᠠᠴᠠ ᠬᠡᠲᠦᠷᠡᠭᠡᠳᠦᠢ ᠬᠤᠰᠢᠭᠤ ᠰᠢᠶᠠᠨ ︵ | ᠬᠤᠲᠠ᠂ ᠲᠣᠭᠤᠷᠢᠭ︶ ᠤ ᠲᠡᠭᠰᠢ ᠳᠥᠷᠪᠡᠯᠵᠢᠨ ᠮᠧᠲᠷ ᠪᠦᠷᠢ ᠶᠢᠨ ᠲᠣᠬᠢᠷᠠᠬᠤ ᠭᠠᠶᠢᠯᠢ ᠶᠢᠨ ᠨᠤᠷᠮ᠎ᠠ ᠨᠢ 50 ᠲᠥᠭᠦᠷᠢᠭ ᠪᠣᠯᠣᠨ᠎ᠠ︔ ᠬᠥᠮᠥᠨ ᠪᠦᠷᠢ ᠶᠢᠨ | ᠳᠤᠮᠳᠠᠴᠢ ᠲᠠᠷᠢᠶᠠᠨ ᠭᠠᠵᠠᠷ ᠨᠢ 1 ᠮᠦ ᠠᠴᠠ ᠬᠡᠲᠦᠷᠡᠭᠰᠡᠨ ᠴᠤ 2 ᠮᠦ ᠠᠴᠠ ᠬᠡᠲᠦᠷᠡᠭᠡᠳᠦᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠡᠭᠰᠢ ᠳᠥᠷᠪᠡᠯᠵᠢᠨ | ᠮᠧᠲᠷ ᠪᠦᠷᠢ ᠶᠢᠨ ᠲᠣᠬᠢᠷᠠᠬᠤ ᠭᠠᠶᠢᠯᠢ ᠶᠢᠨ ᠨᠤᠷᠮ᠎ᠠ ᠨᠢ 40 ᠲᠥᠭᠦᠷᠢᠭ ᠪᠣᠯᠣᠨ᠎ᠠ︔ ᠬᠥᠮᠥᠨ ᠪᠦᠷᠢ ᠶᠢᠨ ᠳᠤᠮᠳᠠᠴᠢ ᠲᠠᠷᠢᠶᠠᠨ ᠭᠠᠵᠠᠷ ᠨᠢ 2 ᠮᠦ ᠠᠴᠠ | ᠬᠡᠲᠦᠷᠡᠭᠰᠡᠨ ᠴᠤ 3 ᠮᠦ ᠠᠴᠠ ᠬᠡᠲᠦᠷᠡᠭᠡᠳᠦᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠡᠭᠰᠢ ᠳᠥᠷᠪᠡᠯᠵᠢᠨ ᠮᠧᠲᠷ ᠪᠦᠷᠢ ᠶᠢᠨ ᠲᠣᠬᠢᠷᠠᠬᠤ ᠭᠠᠶᠢᠯᠢ ᠶᠢᠨ | ᠨᠤᠷᠮ᠎ᠠ ᠨᠢ 30 ᠲᠥᠭᠦᠷᠢᠭ ᠪᠣᠯᠣᠨ᠎ᠠ︔ ᠬᠥᠮᠥᠨ ᠪᠦᠷᠢ ᠶᠢᠨ ᠳᠤᠮᠳᠠᠴᠢ ᠲᠠᠷᠢᠶᠠᠨ ᠭᠠᠵᠠᠷ ᠨᠢ 3 ᠮᠦ ᠠᠴᠠ ᠬᠡᠲᠦᠷᠡᠭᠰᠡᠨ ᠬᠤᠰᠢᠭᠤ ᠰᠢᠶᠠᠨ ︵ᠬᠤᠲᠠ᠂ | ᠲᠣᠭᠤᠷᠢᠭ︶ ᠤ ᠲᠡᠭᠰᠢ ᠳᠥᠷᠪᠡᠯᠵᠢᠨ ᠮᠧᠲᠷ ᠪᠦᠷᠢ ᠶᠢᠨ ᠲᠣᠬᠢᠷᠠᠬᠤ ᠭᠠᠶᠢᠯᠢ ᠶᠢᠨ ᠨᠤᠷᠮ᠎ᠠ ᠨᠢ 25 ᠲᠥᠭᠦᠷᠢᠭ ᠪᠣᠯᠣᠨ᠎ᠠ︔ | ︵ᠬᠤᠶᠠᠷ︶ ᠬᠥᠯᠥᠨ ᠪᠤᠶᠢᠷ ᠬᠤᠲᠠ ︵ᠮᠠᠨᠵᠤᠤᠷ ᠬᠤᠳᠠ ᠪᠠᠭᠲᠠᠨ᠎ᠠ︶᠂ ᠲᠦᠩᠯᠢᠶᠣᠣ ᠬᠤᠲᠠ᠂ ᠤᠯᠠᠭᠠᠠᠬᠠᠳᠠ ᠬᠤᠲᠠ᠂ ᠤᠯᠠᠭᠠᠨᠴᠠᠪ ᠬᠤᠲᠠ | ᠪᠣᠯᠣᠨ ᠪᠠᠶᠠᠨᠨᠠᠭᠤᠷ ᠬᠤᠲᠠ ᠶᠢᠨ ᠳᠤᠮᠳᠠᠴᠢ ᠭᠠᠶᠢᠯᠢ ᠶᠢᠨ ᠨᠤᠷᠮ᠎ᠠ ᠨᠢ ᠲᠡᠭᠰᠢ ᠳᠥᠷᠪᠡᠯᠵᠢᠨ ᠮᠧᠲᠷ ᠪᠦᠷᠢ ᠳᠡᠭᠡᠨ 31 ᠲᠥᠭᠦᠷᠢᠭ ᠪᠣᠯᠣᠨ᠎ᠠ᠃ ᠡᠭᠦᠨ ᠳᠤ᠂ ᠬᠥᠮᠥᠨ | ᠪᠦᠷᠢ ᠶᠢᠨ ᠳᠤᠮᠳᠠᠴᠢ ᠲᠠᠷᠢᠶᠠᠨ ᠭᠠᠵᠠᠷ ᠨᠢ 1 ᠮᠦ ᠠᠴᠠ ᠬᠡᠲᠦᠷᠡᠭᠡᠳᠦᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠡᠭᠰᠢ ᠳᠥᠷᠪᠡᠯᠵᠢᠨ ᠮᠧᠲᠷ ᠪᠦᠷᠢ ᠶᠢᠨ | ᠲᠣᠬᠢᠷᠠᠬᠤ ᠭᠠᠶᠢᠯᠢ ᠶᠢᠨ ᠨᠤᠷᠮ᠎ᠠ ᠨᠢ 45 ᠲᠥᠭᠦᠷᠢᠭ ᠪᠣᠯᠣᠨ᠎ᠠ︔ ᠬᠥᠮᠥᠨ ᠪᠦᠷᠢ ᠶᠢᠨ ᠳᠤᠮᠳᠠᠴᠢ ᠲᠠᠷᠢᠶᠠᠨ ᠭᠠᠵᠠᠷ ᠨᠢ 1 ᠮᠦ ᠠᠴᠠ ᠬᠡᠲᠦᠷᠡᠭᠰᠡᠨ ᠴᠤ 2 | ᠮᠦ ᠠᠴᠠ ᠬᠡᠲᠦᠷᠡᠭᠡᠳᠦᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠡᠭᠰᠢ ᠳᠥᠷᠪᠡᠯᠵᠢᠨ ᠮᠧᠲᠷ ᠪᠦᠷᠢ ᠶᠢᠨ ᠲᠣᠬᠢᠷᠠᠬᠤ ᠭᠠᠶᠢᠯᠢ ᠶᠢᠨ ᠨᠤᠷᠮ᠎ᠠ ᠨᠢ 35 | ᠲᠥᠭᠦᠷᠢᠭ ᠪᠣᠯᠣᠨ᠎ᠠ︔ ᠬᠥᠮᠥᠨ ᠪᠦᠷᠢ ᠶᠢᠨ ᠳᠤᠮᠳᠠᠴᠢ ᠲᠠᠷᠢᠶᠠᠨ ᠭᠠᠵᠠᠷ ᠨᠢ 2 ᠮᠦ ᠠᠴᠠ ᠬᠡᠲᠦᠷᠡᠭᠰᠡᠨ ᠴᠤ 3 ᠮᠦ ᠠᠴᠠ ᠬᠡᠲᠦᠷᠡᠭᠡᠳᠦᠢ ᠬᠤᠰᠢᠭᠤ ᠰᠢᠶᠠᠨ ︵ | ᠬᠤᠲᠠ᠂ ᠲᠣᠭᠤᠷᠢᠭ︶ ᠤ ᠲᠡᠭᠰᠢ ᠳᠥᠷᠪᠡᠯᠵᠢᠨ ᠮᠧᠲᠷ ᠪᠦᠷᠢ ᠶᠢᠨ ᠲᠣᠬᠢᠷᠠᠬᠤ ᠭᠠᠶᠢᠯᠢ ᠶᠢᠨ ᠨᠤᠷᠮ᠎ᠠ ᠨᠢ 25 ᠲᠥᠭᠦᠷᠢᠭ ᠪᠣᠯᠣᠨ᠎ᠠ︔ ᠬᠥᠮᠥᠨ ᠪᠦᠷᠢ ᠶᠢᠨ | ᠳᠤᠮᠳᠠᠴᠢ ᠲᠠᠷᠢᠶᠠᠨ ᠭᠠᠵᠠᠷ ᠨᠢ 3 ᠮᠦ ᠠᠴᠠ ᠬᠡᠲᠦᠷᠡᠭᠰᠡᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠡᠭᠰᠢ ᠳᠥᠷᠪᠡᠯᠵᠢᠨ ᠮᠧᠲᠷ ᠪᠦᠷᠢ ᠶᠢᠨ ᠲᠣᠬᠢᠷᠠᠬᠤ | ᠭᠠᠶᠢᠯᠢ ᠶᠢᠨ ᠨᠤᠷᠮ᠎ᠠ ᠨᠢ 20 ᠲᠥᠭᠦᠷᠢᠭ ᠪᠣᠯᠣᠨ᠎ᠠ︔ | ︵ᠭᠤᠷᠪᠠ︶ ᠬᠢᠩᠭᠠᠨ ᠠᠶᠢᠮᠠᠭ᠂ ᠰᠢᠯᠢ ᠶᠢᠨ ᠭᠤᠣᠯ ᠠᠶᠢᠮᠠᠭ ︵ᠡᠷᠢᠶᠡᠨ ᠬᠤᠲᠠ ᠪᠠᠭᠲᠠᠨ᠎ᠠ︶᠂ ᠠᠯᠠᠱᠠ ᠠᠶᠢᠮᠠᠭ ᠤᠨ ᠳᠤᠮᠳᠠᠴᠢ ᠭᠠᠶᠢᠯᠢ ᠶᠢᠨ | ᠨᠤᠷᠮ᠎ᠠ ᠨᠢ ᠲᠡᠭᠰᠢ ᠳᠥᠷᠪᠡᠯᠵᠢᠨ ᠮᠧᠲᠷ ᠪᠦᠷᠢ ᠳᠡᠭᠡᠨ 26 ᠲᠥᠭᠦᠷᠢᠭ ᠪᠣᠯᠣᠨ᠎ᠠ᠃ ᠡᠭᠦᠨ ᠳᠤ᠂ ᠬᠥᠮᠥᠨ ᠪᠦᠷᠢ ᠶᠢᠨ ᠳᠤᠮᠳᠠᠴᠢ ᠲᠠᠷᠢᠶᠠᠨ ᠭᠠᠵᠠᠷ ᠨᠢ 1 ᠮᠦ ᠠᠴᠠ | ᠬᠡᠲᠦᠷᠡᠭᠡᠳᠦᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠡᠭᠰᠢ ᠳᠥᠷᠪᠡᠯᠵᠢᠨ ᠮᠧᠲᠷ ᠪᠦᠷᠢ ᠶᠢᠨ ᠲᠣᠬᠢᠷᠠᠬᠤ ᠭᠠᠶᠢᠯᠢ ᠶᠢᠨ ᠨᠤᠷᠮ᠎ᠠ ᠨᠢ 40 ᠲᠥᠭᠦᠷᠢᠭ | ᠪᠣᠯᠣᠨ᠎ᠠ︔ ᠬᠥᠮᠥᠨ ᠪᠦᠷᠢ ᠶᠢᠨ ᠳᠤᠮᠳᠠᠴᠢ ᠲᠠᠷᠢᠶᠠᠨ ᠭᠠᠵᠠᠷ ᠨᠢ 1 ᠮᠦ ᠠᠴᠠ ᠬᠡᠲᠦᠷᠡᠭᠰᠡᠨ ᠴᠤ 2 ᠮᠦ ᠠᠴᠠ ᠬᠡᠲᠦᠷᠡᠭᠡᠳᠦᠢ ᠬᠤᠰᠢᠭᠤ ᠰᠢᠶᠠᠨ ︵ᠬᠤᠲᠠ᠂ | ᠲᠣᠭᠤᠷᠢᠭ︶ ᠤ ᠲᠡᠭᠰᠢ ᠳᠥᠷᠪᠡᠯᠵᠢᠨ ᠮᠧᠲᠷ ᠪᠦᠷᠢ ᠶᠢᠨ ᠲᠣᠬᠢᠷᠠᠬᠤ ᠭᠠᠶᠢᠯᠢ ᠶᠢᠨ ᠨᠤᠷᠮ᠎ᠠ ᠨᠢ 30 ᠲᠥᠭᠦᠷᠢᠭ ᠪᠣᠯᠣᠨ᠎ᠠ︔ ᠬᠥᠮᠥᠨ ᠪᠦᠷᠢ ᠶᠢᠨ ᠳᠤᠮᠳᠠᠴᠢ | ᠲᠠᠷᠢᠶᠠᠨ ᠭᠠᠵᠠᠷ ᠨᠢ 2 ᠮᠦ ᠠᠴᠠ ᠬᠡᠲᠦᠷᠡᠭᠰᠡᠨ ᠴᠤ 3 ᠮᠦ ᠠᠴᠠ ᠬᠡᠲᠦᠷᠡᠭᠡᠳᠦᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠡᠭᠰᠢ ᠳᠥᠷᠪᠡᠯᠵᠢᠨ ᠮᠧᠲᠷ | ᠪᠦᠷᠢ ᠶᠢᠨ ᠲᠣᠬᠢᠷᠠᠬᠤ ᠭᠠᠶᠢᠯᠢ ᠶᠢᠨ ᠨᠤᠷᠮ᠎ᠠ ᠨᠢ 20 ᠲᠥᠭᠦᠷᠢᠭ ᠪᠣᠯᠣᠨ᠎ᠠ︔ ᠬᠥᠮᠥᠨ ᠪᠦᠷᠢ ᠶᠢᠨ ᠳᠤᠮᠳᠠᠴᠢ ᠲᠠᠷᠢᠶᠠᠨ ᠭᠠᠵᠠᠷ ᠨᠢ 3 ᠮᠦ ᠠᠴᠠ ᠬᠡᠲᠦᠷᠡᠭᠰᠡᠨ | ᠬᠤᠰᠢᠭᠤ ᠰᠢᠶᠠᠨ ︵ᠬᠤᠲᠠ᠂ ᠲᠣᠭᠤᠷᠢᠭ︶ ᠤ ᠲᠡᠭᠰᠢ ᠳᠥᠷᠪᠡᠯᠵᠢᠨ ᠮᠧᠲᠷ ᠪᠦᠷᠢ ᠶᠢᠨ ᠲᠣᠬᠢᠷᠠᠬᠤ ᠭᠠᠶᠢᠯᠢ ᠶᠢᠨ ᠨᠤᠷᠮ᠎ᠠ ᠨᠢ 15 ᠲᠥᠭᠦᠷᠢᠭ ᠪᠣᠯᠣᠨ᠎ᠠ︔ | ᠬᠤᠰᠢᠭᠤ ᠰᠢᠶᠠᠨ ︵ᠬᠤᠲᠠ᠂ ᠲᠣᠭᠤᠷᠢᠭ︶ ᠠᠴᠠ ᠳᠣᠷᠣᠭᠰᠢᠬᠢ ᠵᠠᠰᠠᠭ ᠵᠠᠬᠢᠷᠭᠠᠨ ᠤ ᠣᠷᠣᠨ ᠨᠢ ᠲᠣᠬᠢᠷᠠᠬᠤ ᠭᠠᠶᠢᠯᠢ ᠶᠢᠨ ᠨᠤᠷᠮ᠎ᠠ ᠶᠢ ᠬᠢᠨᠠᠨ | ᠲᠣᠭᠲᠠᠭᠠᠬᠤ ᠦᠭᠡᠢ᠃ | ᠳᠣᠯᠣᠳᠤᠭᠠᠷ ᠵᠦᠢᠯ ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ᠂ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠵᠠᠰᠠᠭ ᠵᠠᠬᠢᠷᠭᠠᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠦᠬᠦ ᠣᠷᠣᠨ ᠤ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠣᠬᠢᠷᠠᠬᠤ ᠭᠠᠶᠢᠯᠢ ᠶᠢᠨ ᠨᠤᠷᠮ᠎ᠠ ᠶᠢᠨ | ᠪᠤᠲᠠᠲᠠᠢ ᠬᠡᠷᠡᠭᠵᠢᠭᠦᠯᠬᠦ ᠲᠥᠰᠥᠯ ᠢ ᠬᠠᠷᠢᠭᠤᠴᠠᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ | ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ︔ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠥᠮᠥᠨ ᠪᠦᠷᠢ ᠶᠢᠨ ᠳᠤᠮᠳᠠᠴᠢ ᠲᠠᠷᠢᠶᠠᠨ ᠭᠠᠵᠠᠷ ᠤᠨ | ᠲᠠᠯᠠᠪᠠᠢ ᠪᠤᠯᠤᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠵᠦ ᠲᠣᠬᠢᠷᠠᠬᠤ ᠭᠠᠶᠢᠯᠢ ᠶᠢᠨ ᠨᠤᠷᠮ᠎ᠠ ᠳᠤ ᠵᠠᠰᠠᠪᠤᠷᠢ ᠣᠷᠤᠭᠤᠯᠬᠤ | ᠴᠢᠬᠤᠯᠠ ᠲᠠᠢ ᠪᠣᠯ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ᠂ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠵᠠᠰᠠᠭ ᠵᠠᠬᠢᠷᠭᠠᠨ ᠤ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠵᠠᠰᠠᠪᠤᠷᠢ ᠣᠷᠤᠭᠤᠯᠬᠤ ᠰᠠᠨᠠᠯ ᠢᠶᠠᠨ ᠳᠤᠷᠠᠳᠤᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ | ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃ | ᠬᠤᠰᠢᠭᠤ ᠰᠢᠶᠠᠨ ︵ᠬᠤᠲᠠ᠂ ᠲᠣᠭᠤᠷᠢᠭ︶ ᠤ ᠬᠥᠮᠥᠨ ᠪᠦᠷᠢ ᠶᠢᠨ ᠳᠤᠮᠳᠠᠴᠢ ᠲᠠᠷᠢᠶᠠᠨ ᠭᠠᠵᠠᠷ ᠤᠨ ᠲᠠᠯᠠᠪᠠᠢ ᠶᠢ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠪᠠᠶᠢᠭᠤᠯᠤᠮᠵᠢ ᠠᠴᠠ ᠵᠢᠩᠬᠢᠨᠢ ᠪᠠᠷ ᠨᠡᠶᠢᠲᠡᠯᠡᠭᠰᠡᠨ ᠳᠡᠭᠡᠷ᠎ᠡ ᠨᠢᠭᠡ ᠣᠨ ᠤ ᠲᠠᠷᠢᠶᠠᠨ ᠭᠠᠵᠠᠷ ᠪᠣᠯᠣᠨ | ᠬᠥᠮᠥᠨ ᠠᠮᠠ ᠶᠢᠨ ᠲᠤᠭ᠎ᠠ ᠪᠠᠷᠢᠮᠲᠠ ᠪᠠᠷ ᠪᠠᠷᠢᠮᠵᠢᠶ᠎ᠠ ᠪᠣᠯᠭᠠᠵᠤ ᠪᠣᠳᠣᠨ᠎ᠠ᠃ | ᠨᠠᠢᠮᠠᠳᠤᠭᠠᠷ ᠵᠦᠢᠯ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠲᠣᠬᠢᠷᠠᠬᠤ ᠭᠠᠶᠢᠯᠢ ᠶᠢᠨ ᠨᠤᠷᠮ᠎ᠠ ᠶᠢ ᠲᠤᠰ ᠠᠷᠭ᠎ᠠ ᠶᠢᠨ | ᠵᠢᠷᠭᠤᠳᠤᠭᠠᠷ ᠵᠦᠢᠯ ᠳᠤ ᠲᠣᠭᠲᠠᠭᠠᠭᠰᠠᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠣᠬᠢᠷᠠᠬᠤ ᠭᠠᠶᠢᠯᠢ ᠶᠢᠨ ᠨᠤᠷᠮ᠎ᠠ ᠶᠢᠨ ᠰᠠᠭᠤᠷᠢᠨ ᠳᠡᠭᠡᠷ᠎ᠡ 50% ᠪᠠᠷ | ᠳᠡᠭᠡᠭᠰᠢᠯᠡᠭᠦᠯᠦᠨ᠎ᠡ᠃ | ᠦᠨᠳᠦᠰᠦᠨ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠪᠣᠯ᠂ ᠲᠣᠬᠢᠷᠠᠬᠤ ᠭᠠᠶᠢᠯᠢ ᠶᠢᠨ ᠨᠤᠷᠮ᠎ᠠ ᠶᠢ ᠲᠤᠰ ᠠᠷᠭ᠎ᠠ ᠶᠢᠨ ᠵᠢᠷᠭᠤᠳᠤᠭᠠᠷ ᠵᠦᠢᠯ ᠵᠢᠴᠢ ᠲᠣᠰ | ᠵᠦᠢᠯ ᠤᠨ ᠨᠢᠭᠡᠳᠦᠭᠡᠷ ᠵᠤᠷᠪᠤᠰ ᠲᠤ ᠲᠣᠭᠲᠠᠭᠠᠭᠰᠠᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠣᠬᠢᠷᠠᠬᠤ ᠭᠠᠶᠢᠯᠢ ᠶᠢᠨ ᠨᠤᠷᠮ᠎ᠠ ᠶᠢᠨ ᠰᠠᠭᠤᠷᠢᠨ ᠳᠡᠭᠡᠷ᠎ᠡ | 50% ᠪᠠᠷ ᠳᠡᠭᠡᠭᠰᠢᠯᠡᠭᠦᠯᠦᠨ᠎ᠡ᠃ | ᠶᠢᠰᠦᠳᠦᠭᠡᠷ ᠵᠦᠢᠯ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠶᠢ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ | ᠬᠠᠷᠢᠭᠤᠴᠠᠨ ᠲᠠᠲᠠᠪᠤᠷᠢᠯᠠᠨ᠎ᠠ᠃ | ᠲᠠᠷᠢᠶᠠᠨ ᠭᠠᠵᠠᠷ ᠡᠵᠡᠯᠡᠨ ᠬᠡᠷᠡᠭᠯᠡᠬᠦ ᠵᠥᠪᠰᠢᠶᠡᠷᠡᠯ ᠢ ᠣᠯᠣᠭᠰᠠᠨ ᠨᠢᠭᠡᠴᠡ ᠪᠤᠶᠤ ᠬᠤᠪᠢ ᠬᠥᠮᠥᠨ ᠨᠢ᠂ ᠭᠠᠵᠠᠷ ᠰᠢᠷᠤᠢ ᠶᠢᠨ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠮᠡᠳᠡᠭᠳᠡᠯ ᠢ ᠣᠯᠣᠭᠰᠠᠨ ᠡᠳᠦᠷ ᠠᠴᠠ ᠡᠬᠢᠯᠡᠨ 30 ᠡᠳᠦᠷ ᠤᠨ ᠳᠣᠲᠤᠷ᠎ᠠ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ | ᠭᠠᠶᠢᠯᠢ ᠪᠠᠨ ᠲᠤᠰᠢᠶᠠᠬᠤ ᠬᠡᠷᠡᠭᠲᠡᠢ︔ ᠵᠥᠪᠰᠢᠶᠡᠷᠡᠬᠦ ᠠᠴᠠ ᠡᠮᠦᠨ᠎ᠡ ᠲᠠᠷᠢᠶᠠᠨ ᠭᠠᠵᠠᠷ ᠢ ᠪᠤᠲᠠᠲᠠᠢ ᠡᠵᠡᠯᠡᠨ ᠬᠡᠷᠡᠭᠯᠡᠭᠰᠡᠨ ᠪᠣᠯ᠂ ᠭᠠᠶᠢᠯᠢ ᠲᠤᠰᠢᠶᠠᠭᠴᠢ ᠨᠢ ᠲᠠᠷᠢᠶᠠᠨ | ᠭᠠᠵᠠᠷ ᠡᠵᠡᠯᠡᠨ ᠬᠡᠷᠡᠭᠡᠯᠡᠭᠰᠡᠨ ᠡᠳᠦᠷ ᠠᠴᠠ ᠡᠬᠢᠯᠡᠨ 30 ᠡᠳᠦᠷ ᠤᠨ ᠲᠣᠲᠤᠷ᠎ᠠ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠭᠠᠶᠢᠯᠢ ᠪᠠᠨ ᠲᠤᠰᠢᠶᠠᠬᠤ ᠪᠠᠷ ᠭᠤᠶᠤᠴᠢᠯᠠᠨ | ᠮᠡᠳᠡᠭᠦᠯᠬᠦ ᠬᠡᠷᠡᠭᠲᠡᠢ᠃ | ᠭᠠᠵᠠᠷ ᠰᠢᠷᠤᠢ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠨᠢᠭᠡᠴᠡ ᠪᠤᠶᠤ ᠬᠤᠪᠢ ᠬᠥᠮᠥᠨ ᠳᠤ ᠲᠠᠷᠢᠶᠠᠨ ᠭᠠᠵᠠᠷ ᠡᠵᠡᠯᠡᠨ | ᠬᠡᠷᠡᠭᠯᠡᠭᠰᠡᠨ ᠭᠠᠷᠳᠠᠮ ᠢᠶᠠᠨ ᠭᠦᠢᠴᠡᠳᠬᠡᠯᠭᠡᠬᠦ ᠪᠠᠷ ᠮᠡᠳᠡᠭᠳᠡᠬᠦ ᠦᠶ᠎ᠡ ᠳᠤ᠂ ᠲᠠᠷᠢᠶᠠᠨ ᠭᠠᠵᠠᠷ ᠤᠨ ᠬᠠᠷᠢᠶᠠᠯᠠᠭᠳᠠᠬᠤ ᠭᠠᠵᠠᠷ ᠤᠨ ᠠᠳᠠᠯᠢ ᠱᠠᠲᠤᠨ ᠤ ᠣᠷᠣᠨ | ᠨᠤᠲᠤᠭ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠬᠠᠮᠲᠤ ᠳᠤᠨᠢ ᠮᠡᠳᠡᠭᠳᠡᠬᠦ ᠬᠡᠷᠡᠭᠲᠡᠢ᠃ ᠭᠠᠵᠠᠷ ᠰᠢᠷᠤᠢ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ | ᠰᠠᠯᠠᠭ᠎ᠠ ᠮᠥᠴᠢᠷ ᠠᠴᠠ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠲᠤᠰᠢᠶᠠᠭᠰᠠᠨ ᠪᠠᠷᠢᠮᠲᠠ ᠪᠤᠶᠤ ᠭᠠᠶᠢᠯᠢ ᠬᠡᠯᠲᠦᠷᠢᠭᠦᠯᠦᠭᠰᠡᠨ ᠪᠠᠷᠢᠮᠲᠠ ᠪᠣᠯᠣᠨ ᠪᠣᠰᠣᠳ | ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢᠶᠠᠷ ᠨᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠵᠥᠪᠰᠢᠶᠡᠷᠡᠯ ᠤᠨ ᠪᠢᠴᠢᠭ ᠣᠯᠭᠤᠨ᠎ᠠ᠃ | ᠠᠷᠪᠠᠳᠤᠭᠠᠷ ᠵᠦᠢᠯ ᠵᠦᠪᠰᠢᠶᠡᠷᠡᠭᠦᠯᠦᠭᠰᠡᠨ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠪᠣᠯ ᠭᠠᠶᠢᠯᠢ ᠲᠤᠰᠢᠶᠠᠬᠤ ᠡᠭᠦᠷᠭᠡ ᠲᠠᠢ ᠪᠣᠯᠣᠭᠰᠠᠨ ᠴᠠᠭ ᠢ | ᠭᠠᠶᠢᠯᠢ ᠲᠤᠰᠢᠶᠠᠭᠴᠢ ᠨᠢ ᠭᠠᠵᠠᠷ ᠰᠢᠷᠤᠢ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠲᠠᠷᠢᠶᠠᠨ ᠭᠠᠵᠠᠷ ᠡᠵᠡᠯᠡᠨ ᠬᠡᠷᠡᠭᠯᠡᠬᠦ ᠭᠠᠷᠳᠠᠮ ᠭᠦᠢᠴᠡᠳᠬᠡᠬᠦ ᠮᠡᠳᠡᠭᠳᠡᠯ ᠢ | ᠭᠠᠷᠳᠠᠭᠰᠠᠨ ᠲᠡᠷᠡ ᠡᠳᠦᠷ ᠢᠶᠠᠷ ᠲᠣᠭᠲᠠᠭᠠᠨ᠎ᠠ︔ ᠵᠥᠪᠰᠢᠶᠡᠷᠡᠭᠦᠯᠦᠭᠡᠳᠦᠢ ᠪᠠᠷ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠪᠣᠯ ᠭᠠᠶᠢᠯᠢ ᠲᠤᠰᠢᠶᠠᠬᠤ ᠡᠭᠦᠷᠭᠡ ᠲᠠᠢ | ᠪᠣᠯᠣᠭᠰᠠᠨ ᠴᠠᠭ ᠢᠶᠠᠷ ᠲᠣᠭᠲᠠᠭᠠᠨ᠎ᠠ᠃ ᠲᠠᠷᠢᠶᠠᠨ ᠭᠠᠵᠠᠷ ᠪᠤᠲᠠᠲᠠᠢ ᠡᠵᠡᠯᠡᠨ ᠬᠡᠷᠡᠭᠯᠡᠭᠰᠡᠨ ᠲᠡᠷᠡ ᠡᠳᠦᠷ ᠢᠶᠠᠷ ᠲᠣᠭᠲᠠᠭᠠᠨ᠎ᠠ᠃ | ᠠᠷᠪᠠᠨ ᠨᠢᠭᠡᠳᠦᠭᠡᠷ ᠵᠦᠢᠯ ᠭᠠᠶᠢᠯᠢ ᠲᠤᠰᠢᠶᠠᠭᠴᠢ ᠲᠠᠷᠢᠶᠠᠨ ᠭᠠᠵᠠᠷ ᠢ ᠲᠦᠷ ᠴᠠᠭ ᠡᠵᠡᠯᠡᠨ ᠬᠡᠷᠡᠭᠯᠡᠭᠰᠡᠨ ᠪᠣᠯ᠂ ᠲᠠᠷᠢᠶᠠᠨ ᠭᠠᠵᠠᠷ ᠡᠵᠡᠯᠡᠨ | ᠬᠡᠷᠡᠭᠯᠡᠭᠰᠡᠨ ᠤ ᠭᠠᠶᠢᠯᠢ ᠲᠤᠰᠢᠶᠠᠬᠤ ᠬᠡᠷᠡᠭᠲᠡᠢ᠃ ᠭᠠᠶᠢᠯᠢ ᠲᠤᠰᠢᠶᠠᠭᠴᠢ ᠨᠢ ᠲᠠᠷᠢᠶᠠᠨ ᠭᠠᠵᠠᠷ ᠢ ᠲᠦᠷ ᠬᠡᠷᠡᠭᠯᠡᠬᠦ ᠪᠠᠷ ᠵᠥᠪᠰᠢᠶᠡᠷᠡᠭᠦᠯᠦᠭᠰᠡᠨ ᠬᠤᠭᠤᠴᠠᠭ᠎ᠠ ᠲᠣᠲᠤᠷ᠎ᠠ | ᠡᠵᠡᠯᠡᠨ ᠬᠡᠷᠡᠭᠯᠡᠭᠰᠡᠨ ᠲᠠᠷᠢᠶᠠᠨ ᠭᠠᠵᠠᠷ ᠤᠨ ᠤᠤᠯ ᠪᠠᠶᠢᠳᠠᠯ ᠢ ᠰᠡᠷᠭᠦᠭᠡᠭᠰᠡᠨ ᠪᠣᠯ᠂ ᠨᠢᠭᠡᠨᠲᠡ ᠲᠤᠰᠢᠶᠠᠭᠰᠠᠨ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠶᠢ | ᠪᠦᠬᠦ ᠲᠤᠭ᠎ᠠ ᠪᠠᠷ ᠨᠢ ᠪᠤᠴᠠᠭᠠᠬᠤ ᠬᠡᠷᠡᠭᠲᠡᠢ᠃ | ᠪᠣᠬᠢᠷᠳᠤᠭᠰᠠᠨ᠂ ᠰᠢᠷᠤᠢ ᠠᠪᠤᠭᠰᠠᠨ᠂ ᠠᠭᠤᠷᠬᠠᠢ ᠮᠠᠯᠲᠠᠭᠠᠳ ᠨᠤᠷᠠᠭᠰᠠᠨ ᠵᠡᠷᠭᠡ ᠰᠢᠯᠲᠠᠭᠠᠨ ᠠᠴᠠ ᠪᠣᠯᠵᠤ ᠲᠠᠷᠢᠶᠠᠨ ᠭᠠᠵᠠᠷ ᠡᠪᠳᠡᠭᠳᠡᠭᠰᠡᠨ ᠪᠣᠯ᠂ | ᠲᠠᠷᠢᠶᠠᠨ ᠭᠠᠵᠠᠷ ᠢ ᠲᠦᠷ ᠡᠵᠡᠯᠡᠨ ᠬᠡᠷᠡᠭᠯᠡᠭᠰᠡᠨ ᠪᠠᠶᠢᠳᠠᠯ ᠲᠠᠢ ᠬᠠᠷᠢᠴᠠᠭᠤᠯᠵᠤ᠂ ᠡᠪᠳᠡᠭᠰᠡᠨ ᠨᠢᠭᠡᠴᠡ ᠪᠤᠶᠤ ᠬᠤᠪᠢ ᠬᠥᠮᠥᠨ ᠨᠢ ᠲᠠᠷᠢᠶᠠᠨ ᠭᠠᠵᠠᠷ ᠡᠵᠡᠯᠡᠨ | ᠬᠡᠷᠡᠭᠯᠡᠭᠰᠡᠨ ᠤ ᠭᠠᠶᠢᠯᠢ ᠲᠤᠰᠢᠶᠠᠬᠤ ᠬᠡᠷᠡᠭᠲᠡᠢ᠃ 2 ᠵᠢᠯ ᠥᠩᠭᠡᠷᠡᠲᠡᠯ᠎ᠡ ᠲᠠᠷᠢᠶᠠᠨ ᠭᠠᠵᠠᠷ ᠤᠨ ᠤᠤᠯ ᠪᠠᠶᠢᠳᠠᠯ ᠢ ᠰᠡᠷᠭᠦᠭᠡᠭᠰᠡᠨ ᠦᠭᠡᠢ ᠪᠣᠯ᠂ ᠲᠠᠲᠠᠪᠤᠷᠢᠯᠠᠭᠰᠠᠨ | ᠭᠠᠶᠢᠯᠢ ᠶᠢᠨ ᠮᠥᠩᠭᠦ ᠶᠢ ᠨᠢ ᠪᠤᠴᠠᠭᠠᠬᠤ ᠦᠭᠡᠢ᠃ | ᠠᠷᠪᠠᠨ ᠬᠤᠶᠠᠳᠤᠭᠠᠷ ᠵᠦᠢᠯ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠵᠥᠪᠰᠢᠶᠡᠷᠡᠯ ᠢᠶᠠᠷ ᠳᠠᠮᠵᠢᠵᠤ ᠡᠷᠦᠬᠡ ᠠᠮᠠ ᠶᠢᠨ ᠪᠠᠶᠢᠭ᠎ᠠ | ᠭᠠᠵᠠᠷ ᠲᠠᠭᠠᠨ ᠲᠣᠭᠲᠠᠭᠠᠭᠰᠠᠨ ᠪᠠᠷᠢᠮᠵᠢᠶ᠎ᠠ ᠶᠢᠨ ᠶᠣᠰᠣᠭᠠᠷ ᠲᠠᠷᠢᠶᠠᠨ ᠭᠠᠵᠠᠷ ᠡᠵᠡᠯᠡᠨ ᠬᠡᠷᠡᠭᠯᠡᠵᠦ ᠥᠪᠡᠷᠲᠡᠭᠡᠨ ᠬᠡᠷᠡᠭᠯᠡᠬᠦ ᠰᠢᠨ᠎ᠡ ᠣᠷᠣᠨ ᠰᠠᠭᠤᠴᠠ ᠪᠠᠶᠢᠭᠤᠯᠬᠤ ᠪᠠᠷ | ᠵᠦᠪᠰᠢᠶᠡᠷᠡᠭᠦᠯᠦᠭᠰᠡᠨ ᠪᠣᠯ᠂ ᠲᠤᠬᠠᠢ ᠶᠢᠨ ᠭᠠᠵᠠᠷ ᠤᠨ ᠲᠣᠬᠢᠷᠠᠬᠤ ᠭᠠᠶᠢᠯᠢ ᠶᠢᠨ ᠨᠤᠷᠮ᠎ᠠ ᠶᠢᠨ ᠶᠣᠰᠣᠭᠠᠷ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠶᠢ | ᠬᠠᠭᠠᠰ ᠢᠶᠠᠷ ᠪᠠᠭᠤᠷᠠᠭᠤᠯᠵᠤ ᠲᠠᠲᠠᠪᠤᠷᠢᠯᠠᠨ᠎ᠠ᠃ | ᠬᠦᠳᠡᠭᠡ ᠲᠣᠰᠬᠤᠨ ᠤ ᠰᠠᠭᠤᠭᠠᠯᠢ ᠠᠷᠠᠳ ᠨᠡᠭᠦᠬᠦ ᠪᠠᠷ ᠵᠥᠪᠰᠢᠶᠡᠷᠡᠭᠦᠯᠦᠭᠡᠳ᠂ ᠤᠤᠯ ᠤᠨ ᠰᠠᠭᠤᠴᠠ ᠶᠢᠨ ᠭᠠᠵᠠᠷ ᠢᠶᠠᠨ ᠲᠠᠷᠢᠶᠠᠨ ᠭᠠᠵᠠᠷ ᠢᠶᠠᠷ | ᠰᠡᠷᠭᠦᠭᠡᠭᠰᠡᠨ ᠪᠣᠯ᠂ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ ᠨᠢ ᠤᠤᠯ ᠭᠡᠷ ᠤᠨ ᠰᠠᠭᠤᠴᠠ ᠶᠢᠨ ᠬᠢᠨᠢ | ᠲᠠᠯᠠᠪᠠᠢ ᠠᠴᠠ ᠬᠡᠲᠦᠷᠡᠭᠰᠡᠨ ᠦᠭᠡᠢ ᠪᠣᠯ᠂ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠲᠠᠲᠠᠪᠤᠷᠢᠯᠠᠬᠤ ᠦᠭᠡᠢ︔ ᠤᠤᠯ ᠰᠠᠭᠤᠴᠠ ᠶᠢᠨ ᠲᠠᠯᠠᠪᠠᠢ ᠠᠴᠠ | ᠬᠡᠲᠦᠷᠡᠭᠰᠡᠨ ᠪᠣᠯ᠂ ᠬᠡᠲᠦᠷᠡᠭᠰᠡᠨ ᠬᠡᠰᠡᠭ ᠠᠴᠠ ᠨᠢ ᠲᠤᠬᠠᠢ ᠶᠢᠨ ᠭᠠᠵᠠᠷ ᠤᠨ ᠲᠣᠬᠢᠷᠠᠬᠤ ᠭᠠᠶᠢᠯᠢ ᠶᠢᠨ ᠨᠤᠷᠮ᠎ᠠ ᠶᠣᠰᠣᠭᠠᠷ ᠬᠠᠭᠠᠰ ᠢᠶᠠᠷ ᠪᠠᠭᠤᠷᠠᠭᠤᠯᠵᠤ ᠲᠠᠷᠢᠶᠠᠨ | ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠲᠠᠲᠠᠪᠤᠷᠢᠯᠠᠨ᠎ᠠ᠃ | ᠠᠷᠪᠠᠨ ᠭᠤᠷᠪᠠᠳᠤᠭᠠᠷ ᠵᠦᠢᠯ ᠮᠠᠯᠵᠢᠬᠤ ᠲᠠᠷᠢᠶᠠᠯᠠᠬᠤ ᠣᠷᠣᠨ ᠤ ᠨᠥᠭᠴᠢᠭᠰᠡᠨ ᠪᠠᠭᠠᠲᠤᠷᠴᠤᠳ ᠤᠨ ᠭᠡᠷ ᠪᠦᠯᠢ᠂ ᠵᠡᠮᠳᠡᠭ ᠴᠡᠷᠢᠭ᠂ ᠥᠨᠥᠴᠢᠨ | ᠪᠡᠯᠪᠡᠰᠦᠨ ᠵᠢᠴᠢ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ᠂ ᠴᠥᠬᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭ᠎ᠠ ᠣᠷᠣᠨ ᠪᠣᠯᠣᠨ ᠬᠢᠯᠢ ᠬᠢᠵᠠᠭᠠᠷ | ᠶᠠᠳᠠᠭᠤ ᠬᠦᠴᠢᠷᠳᠡᠯᠲᠡᠢ ᠠᠭᠤᠯᠠᠷᠬᠠᠭ ᠣᠷᠣᠨ ᠤ ᠠᠮᠢᠳᠤᠷᠠᠯ ᠨᠢ ᠬᠦᠴᠢᠷᠳᠡᠯᠲᠡᠢ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ᠂ ᠲᠣᠭᠲᠠᠭᠠᠭᠰᠠᠨ ᠭᠠᠵᠠᠷ | ᠬᠡᠷᠡᠭᠯᠡᠬᠦ ᠪᠠᠷᠢᠮᠵᠢᠶ᠎ᠠ ᠶᠢᠨ ᠲᠣᠲᠣᠷ᠎ᠠ ᠰᠢᠨ᠎ᠡ ᠪᠠᠷ ᠣᠷᠣᠨ ᠰᠠᠭᠤᠴᠠ ᠪᠠᠶᠢᠭᠤᠯᠤᠭᠠᠳ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠲᠤᠰᠢᠶᠠᠬᠤ ᠳᠤ ᠦᠨᠡᠨ ᠬᠦ | ᠬᠦᠴᠢᠷᠳᠡᠯᠲᠡᠢ ᠪᠣᠯ᠂ ᠰᠠᠭᠤᠭ᠎ᠠ ᠭᠠᠵᠠᠷ ᠢᠶᠠᠨ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠢᠶᠠᠷ ᠬᠢᠨᠠᠭᠤᠯᠵᠤ᠂ ᠬᠤᠰᠢᠭᠤ ᠰᠢᠶᠠᠨ ︵ᠬᠤᠲᠠ᠂ | ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠠᠴᠠ | ᠬᠡᠯᠲᠦᠷᠢᠭᠦᠯᠬᠦ ᠪᠤᠶᠤ ᠬᠠᠰᠤᠵᠤ ᠲᠠᠲᠠᠪᠤᠷᠢᠯᠠᠵᠤ ᠪᠣᠯᠣᠨ᠎ᠠ᠃ 365赢多少钱会被限额_国内有真正的365平台吗_365bet博彩官网 | ᠠᠷᠪᠠᠨ ᠳᠥᠷᠪᠡᠳᠦᠭᠡᠷ ᠵᠦᠢᠯ ᠴᠡᠷᠢᠭ ᠤᠨ ᠶᠠᠪᠤᠳᠠᠯ ᠤᠨ ᠪᠡᠯᠡᠳᠬᠡᠮᠵᠢ᠂ ᠰᠤᠷᠭᠠᠭᠤᠯᠢ᠂ ᠬᠡᠦᠬᠡᠳ ᠤᠨ ᠴᠡᠴᠡᠷᠯᠢᠭ᠂ ᠨᠠᠰᠤᠲᠠᠶᠢᠴᠣᠳ ᠢ | ᠠᠰᠠᠷᠠᠬᠤ ᠬᠦᠷᠢᠶᠡᠯᠡᠩ᠂ ᠡᠮᠨᠡᠯᠭᠡ ᠶᠢᠨ ᠬᠤᠷᠢᠶ᠎ᠠ ᠨᠤᠭᠤᠳ ᠲᠠᠷᠢᠶᠠᠨ ᠭᠠᠵᠠᠷ ᠡᠵᠡᠯᠡᠨ ᠬᠡᠷᠡᠭᠯᠡᠬᠦ ᠳᠤ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ 365赢多少钱会被限额_国内有真正的365平台吗_365bet博彩官网 | ᠲᠠᠲᠠᠪᠤᠷᠢᠯᠠᠬᠤ ᠦᠭᠡᠢ︔ ᠲᠡᠮᠦᠷ ᠵᠠᠮ ᠤᠨ ᠱᠤᠭᠤᠮ᠂ ᠵᠠᠰᠠᠮᠠᠯ ᠵᠠᠮ ᠤᠨ ᠱᠤᠭᠤᠮ᠂ ᠨᠢᠰᠬᠡᠯ ᠤᠨ ᠪᠠᠭᠤᠳᠠᠯ ᠤᠨ ᠭᠦᠶᠦᠯᠲᠡ ᠶᠢᠨ ᠵᠠᠮ᠂ ᠨᠢᠰᠬᠡᠯ ᠵᠣᠭᠰᠣᠬᠤ | ᠲᠠᠪᠴᠠᠩ᠂ ᠭᠠᠷᠠᠮ᠂ ᠠᠶᠠᠯᠠᠯ ᠤᠨ ᠵᠠᠮ ᠳᠤ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠪᠣᠯ ᠲᠡᠭᠰᠢ ᠳᠥᠷᠪᠡᠯᠵᠢᠨ ᠮᠧᠲᠷ ᠪᠦᠷᠢ ᠳᠤ 2 ᠲᠥᠭᠦᠷᠢᠭ ᠤᠨ ᠭᠠᠶᠢᠯᠢ ᠶᠢᠨ | ᠨᠤᠷᠮ᠎ᠠ ᠪᠠᠷ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠬᠠᠰᠤᠵᠤ ᠲᠠᠲᠠᠪᠤᠷᠢᠯᠠᠨ᠎ᠠ᠃ | ᠡᠮᠦᠨᠡᠬᠢ ᠵᠤᠷᠪᠤᠰ ᠤᠨ ᠶᠣᠰᠣᠭᠠᠷ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠬᠡᠯᠲᠦᠷᠢᠭᠦᠯᠬᠦ ᠪᠤᠶᠤ ᠬᠠᠰᠤᠵᠤ ᠲᠠᠲᠠᠪᠤᠷᠢᠯᠠᠭᠰᠠᠨ ᠤ ᠳᠠᠷᠠᠭ᠎ᠠ᠂ | ᠭᠠᠶᠢᠯᠢ ᠲᠤᠰᠢᠶᠠᠭᠴᠢ ᠠᠴᠠ ᠤᠤᠯ ᠤᠨ ᠡᠵᠡᠯᠡᠨ ᠬᠡᠷᠡᠭᠯᠡᠵᠦ ᠪᠠᠶᠢᠭ᠎ᠠ ᠭᠠᠵᠠᠷ ᠤᠨ ᠬᠡᠷᠡᠭᠯᠡᠮᠵᠢ ᠶᠢ ᠬᠤᠪᠢᠷᠠᠭᠤᠯᠤᠭᠠᠳ᠂ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ | ᠭᠠᠶᠢᠯᠢ ᠬᠡᠯᠲᠦᠷᠢᠭᠦᠯᠬᠦ ᠪᠤᠶᠤ ᠬᠠᠰᠤᠵᠤ ᠲᠠᠲᠠᠪᠤᠷᠢᠯᠠᠬᠤ ᠪᠠᠶᠢᠳᠠᠯ ᠳᠤ ᠬᠠᠷᠢᠶᠠᠯᠠᠭᠳᠠᠬᠤ ᠪᠠᠨ ᠪᠣᠯᠢᠭᠰᠠᠨ ᠪᠣᠯ ᠬᠡᠷᠡᠭᠯᠡᠮᠵᠢ ᠶᠢ ᠬᠤᠪᠢᠷᠠᠭᠤᠯᠤᠭᠰᠠᠨ ᠡᠳᠦᠷ ᠠᠴᠠ ᠡᠬᠢᠯᠡᠨ | 30 ᠡᠳᠦᠷ ᠤᠨ ᠲᠣᠲᠣᠷ᠎ᠠ ᠲᠤᠬᠠᠢ ᠶᠢᠨ ᠭᠠᠵᠠᠷ ᠤᠨ ᠲᠣᠬᠢᠷᠠᠬᠤ ᠭᠠᠶᠢᠯᠢ ᠶᠢᠨ ᠨᠤᠷᠮ᠎ᠠ ᠶᠢᠨ ᠶᠣᠰᠣᠭᠠᠷ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ | ᠨᠥᠬᠦᠪᠦᠷᠢᠯᠡᠨ ᠲᠤᠰᠢᠶᠠᠬᠤ ᠬᠡᠷᠡᠭᠲᠡᠢ᠃ | ᠠᠷᠪᠠᠨ ᠲᠠᠪᠤᠳᠤᠭᠠᠷ ᠵᠦᠢᠯ ᠤᠢ ᠰᠢᠭᠤᠢ ᠶᠢᠨ ᠭᠠᠵᠠᠷ᠂ ᠪᠡᠯᠴᠢᠭᠡᠷ ᠤᠨ ᠭᠠᠵᠠᠷ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠳᠤ ᠬᠡᠷᠡᠭᠯᠡᠬᠦ | ᠭᠠᠵᠠᠷ᠂ ᠲᠡᠵᠢᠭᠡᠨ ᠦᠷᠡᠵᠢᠭᠦᠯᠬᠦ ᠤᠰᠤᠨ ᠤ ᠭᠠᠳᠠᠷᠭᠤ ᠵᠢᠴᠢ ᠵᠢᠭᠠᠰᠤᠨ ᠠᠵᠤ ᠠᠬᠤᠢ ᠶᠢᠨ ᠤᠰᠤᠨ ᠤ ᠲᠠᠩ ᠵᠡᠷᠭᠡ ᠪᠤᠰᠤᠳ ᠲᠠᠷᠢᠶᠠᠨ ᠭᠠᠵᠠᠷ ᠲᠤ ᠭᠡᠷ ᠪᠠᠷᠢᠬᠤ | ᠪᠤᠶᠤ ᠲᠠᠷᠢᠶᠠᠯᠠᠩ ᠤᠨ ᠪᠤᠰᠤ ᠪᠦᠲᠦᠭᠡᠨ ᠪᠠᠶᠢᠭᠤᠯᠤᠯᠲᠠ ᠬᠢᠬᠦ ᠳᠤ᠂ ᠲᠤᠰ ᠠᠷᠭ᠎ᠠ ᠶᠢᠨ ᠲᠣᠭᠲᠠᠭᠠᠯ ᠲᠠᠢ ᠬᠠᠷᠢᠴᠠᠭᠤᠯᠵᠤ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ | ᠭᠠᠶᠢᠯᠢ ᠲᠠᠲᠠᠪᠤᠷᠢᠯᠠᠵᠤ᠂ ᠲᠣᠬᠢᠷᠠᠬᠤ ᠭᠠᠶᠢᠯᠢ ᠶᠢᠨ ᠨᠤᠷᠮ᠎ᠠ ᠨᠢ ᠲᠤᠬᠠᠢ ᠶᠢᠨ ᠭᠠᠵᠠᠷ ᠤᠨ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠲᠣᠬᠢᠷᠠᠬᠤ ᠭᠠᠶᠢᠯᠢ ᠶᠢᠨ | ᠨᠤᠷᠮ᠎ᠠ ᠶᠢᠨ ᠪᠠᠷᠢᠮᠵᠢᠶ᠎ᠠ ᠲᠠᠢ ᠠᠳᠠᠯᠢ ᠪᠣᠯᠭᠠᠬᠤ ᠬᠡᠷᠡᠭᠲᠡᠢ᠃ | ᠲᠠᠷᠢᠶᠠᠯᠠᠩ ᠤᠨ ᠦᠢᠯᠡᠳᠪᠦᠷᠢᠯᠡᠯ ᠳᠤ ᠰᠢᠭᠤᠳ ᠦᠢᠯᠡᠴᠢᠯᠡᠬᠦ ᠦᠢᠯᠡᠳᠪᠦᠷᠢᠯᠡᠯ ᠤᠨ ᠪᠡᠯᠡᠳᠬᠡᠮᠵᠢ ᠪᠠᠶᠢᠭᠤᠯᠬᠤ ᠳᠤ ᠡᠮᠦᠨᠡᠬᠢ ᠵᠤᠷᠪᠤᠰ ᠲᠤ | ᠲᠣᠭᠲᠠᠭᠠᠭᠰᠠᠨ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠪᠣᠯ᠂ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠲᠠᠲᠠᠪᠤᠷᠢᠯᠠᠬᠤ ᠦᠭᠡᠢ᠃ | ᠠᠷᠪᠠᠨ ᠵᠢᠷᠭᠤᠳᠤᠭᠠᠷ ᠵᠦᠢᠯ ᠭᠠᠶᠢᠯᠢ ᠲᠤᠰᠢᠶᠠᠭᠴᠢ ᠨᠢ ᠲᠠᠷᠢᠶᠠᠨ ᠭᠠᠵᠠᠷ ᠪᠤᠶᠤ ᠪᠤᠰᠤᠳ ᠲᠠᠷᠢᠶᠠᠯᠠᠩ ᠳᠤ ᠬᠡᠷᠡᠭᠯᠡᠬᠦ ᠭᠠᠵᠠᠷ ᠢ ᠡᠵᠡᠯᠡᠨ | ᠬᠡᠷᠡᠭᠯᠡᠭᠰᠡᠨ ᠪᠣᠯ᠂ ᠲᠠᠷᠢᠶᠠᠨ ᠭᠠᠵᠠᠷ ᠪᠤᠶᠤ ᠪᠤᠰᠤᠳ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠠᠷᠢᠶᠠᠯᠠᠭᠳᠠᠬᠤ ᠭᠠᠵᠠᠷ ᠲᠤ ᠭᠤᠶᠤᠴᠢᠯᠠᠨ ᠮᠡᠳᠡᠭᠦᠯᠵᠦ ᠭᠠᠶᠢᠯᠢ | ᠲᠤᠰᠢᠶᠠᠬᠤ ᠬᠡᠷᠡᠭᠲᠡᠢ᠃ | ᠠᠷᠪᠠᠨ ᠳᠣᠯᠣᠳᠤᠭᠠᠷ ᠵᠦᠢᠯ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠶᠢᠨ ᠲᠠᠲᠠᠪᠤᠷᠢᠯᠠᠬᠤ ᠬᠠᠮᠢᠶᠠᠷᠤᠯᠲᠠ ᠶᠢ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠶᠢᠯᠢ ᠲᠠᠲᠠᠪᠤᠷᠢ ᠲᠠᠲᠠᠪᠤᠷᠢᠯᠠᠨ ᠬᠤᠷᠢᠶᠠᠬᠤ ᠬᠠᠮᠢᠶᠠᠷᠤᠯᠲᠠ ᠶᠢᠨ ᠠᠷᠭ᠎ᠠ︾᠂ ︽ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠭᠠᠶᠢᠯᠢ ᠲᠠᠲᠠᠪᠤᠷᠢ ᠲᠠᠲᠠᠪᠤᠷᠢᠯᠠᠨ ᠬᠤᠷᠢᠶᠠᠬᠤ ᠬᠠᠮᠢᠶᠠᠷᠤᠯᠲᠠ ᠶᠢᠨ ᠬᠠᠤᠯᠢ ᠶᠢᠨ ᠬᠡᠷᠡᠭᠵᠢᠭᠦᠯᠬᠦ ᠨᠠᠷᠢᠨ ᠳᠦᠷᠢᠮ︾ ᠪᠠ ᠲᠤᠰ ᠠᠷᠭ᠎ᠠ ᠶᠢᠨ | ᠬᠠᠮᠢᠶ᠎ᠠ ᠪᠦᠬᠦᠢ ᠲᠤᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠠᠷᠪᠠᠨ ᠨᠠᠢᠮᠠᠳᠤᠭᠠᠷ ᠵᠦᠢᠯ ᠲᠤᠰ ᠲᠣᠭᠲᠠᠭᠠᠯ ᠢ 2008 ᠣᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠥᠨ᠎ᠡ᠃ | 1996 ᠣᠨ ᠤ 8 ᠳ᠋ᠤᠭᠠᠷ ᠰᠠᠷ᠎ᠠ ᠶᠢᠨ 5 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠡᠵᠡᠯᠡᠨ ᠬᠡᠷᠡᠭᠯᠡᠭᠰᠡᠨ ᠤ ᠭᠠᠶᠢᠯᠢ ᠶᠢᠨ ᠬᠡᠷᠡᠭᠵᠢᠭᠦᠯᠬᠦ ᠠᠷᠭ᠎ᠠ︾ ︵ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠵᠠᠷᠯᠢᠭ 73 ᠳ᠋ᠤᠭᠠᠷ ᠲᠣᠭᠠᠲᠤ︶ ᠶᠢ ᠬᠠᠮᠲᠤ ᠳᠤᠨᠢ ᠬᠦᠴᠦᠨ ᠦᠭᠡᠢ ᠪᠣᠯᠭᠠᠨ᠎ᠠ᠃ |