ᠨᠢᠭᠡᠳᠦᠭᠡᠷ ᠵᠦᠶᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠥᠪᠰᠢᠶᠡᠷᠡᠭᠰᠡᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠣᠯᠤᠨ ᠥᠪᠡᠷᠲᠡᠭᠡᠨ ᠵᠠᠰᠠᠬᠤ ᠣᠷᠣᠨ ᠡᠴᠠᠬᠡᠪᠯᠡᠨ | ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ | ᠲᠣᠰ ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠶᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠪᠣᠯ ᠥᠪᠡᠷᠲᠡᠭᠡᠨ ᠵᠠᠰᠠᠬᠤ ᠣᠷᠣᠨ ᠤ ᠠᠷᠠᠳ | ᠤᠨ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ ᠮᠥᠴᠢᠷ ᠪᠣᠯᠬᠤ ᠪᠥᠭᠡᠳ ᠲᠢᠩᠬᠢᠮ ᠤᠨ ᠲᠠᠰ ᠤᠨ ᠨᠢᠭᠡᠴᠢ ᠪᠣᠯᠤᠨ᠎ᠠ᠃ | ᠭᠤᠷᠪᠠᠳᠤᠭᠠᠷ ᠵᠦᠶᠯ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠡᠳ᠋ ᠤᠨ ᠵᠠᠰᠠᠭ ᠠᠵᠤ ᠠᠬᠤᠶ ᠶᠢᠨ ᠠᠵᠢᠯ ᠤᠨ ᠲᠤᠬᠠᠶ ᠨᠠᠮ ᠤᠨ | ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠶᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠡᠳ᠋ ᠤᠨ ᠵᠠᠰᠠᠭ ᠤᠨ | ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠬᠤ ᠪᠠ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄ | ︵ᠨᠢᠭᠡ︶ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠭᠠᠶᠢᠯᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠯᠥᠪᠵᠢᠭᠦᠯᠪᠡ᠂ ᠲᠥᠷᠥ ᠶᠢᠨ | ᠪᠣᠳᠣᠯᠭ᠎ᠠ ᠪᠠ ᠥᠭᠡᠷᠡᠴᠢᠯᠡᠯᠲᠡ ᠶᠢᠨ ᠲᠥᠰᠦᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠬᠤᠷᠸ᠎ᠠ ᠠᠵᠤ ᠠᠬᠤᠢ ᠶᠢᠨ | ᠪᠠᠶᠢᠳᠠᠯ ᠢ ᠵᠠᠳᠠᠯᠤᠨ ᠵᠢᠱᠢᠵᠦ᠂ ᠬᠤᠷᠸ᠎ᠠ ᠠᠵᠤ ᠠᠬᠤᠢ ᠶᠢᠨ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠵᠤ᠂ ᠡᠳ᠋ ᠤᠨ ᠵᠠᠰᠠᠭ ᠭᠠᠶᠢᠯᠢ | ᠶᠢᠨ ᠲᠦᠷᠦ ᠶᠢᠨ ᠪᠤᠳᠤᠯᠭ᠎ᠠ ᠶᠢ ᠬᠡᠷᠡᠭᠯᠡᠨ ᠬᠤᠷᠸ᠎ᠠ ᠲᠣᠬᠢᠷᠠᠭᠤᠯᠭ᠎ᠠ ᠡᠵᠡᠮᠳᠡᠯ ᠢ ᠬᠡᠷᠡᠭᠵᠢᠭᠦᠯᠬᠦ ᠪᠠ ᠨᠡᠶᠢᠭᠡᠮ ᠤᠨ ᠡᠳ᠋ ᠤᠨ ᠬᠦᠴᠦᠨ ᠢ ᠶᠡᠷᠦᠩᠬᠡᠶᠢᠯᠡᠭᠰᠡᠨ | ᠲᠡᠩᠴᠡᠭᠦᠷᠢᠲᠡᠢ ᠪᠠᠶᠢᠯᠭᠠᠬᠤ ᠰᠠᠨᠠᠭᠤᠯᠭ᠎ᠠ ᠶᠢ ᠳᠤᠷᠠᠳᠤᠨ᠎ᠠ︔ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ | ᠵᠠᠰᠠᠭ ᠤᠨ ᠣᠷᠳᠣᠨ ᠬᠢᠭᠡᠳ ᠠᠵᠤ ᠠᠬᠤᠶᠢᠯᠠᠯ ᠯᠤᠭ᠎ᠠ ᠶᠢᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠪᠠ ᠠᠷᠭ᠎ᠠ ᠶᠢ ᠲᠤᠭᠤᠷᠪᠢᠨ ᠲᠣᠭᠲᠠᠭᠠᠵᠤ᠂ ᠨᠡᠶᠢᠲᠡ | ᠶᠢᠨ ᠠᠰᠠᠷᠠᠮᠵᠢ ᠶᠢᠨ ᠦᠶᠯᠡᠰ ᠤᠨ ᠬᠥᠭᠵᠢᠯᠲᠡ ᠶᠢ ᠵᠣᠷᠢᠭᠵᠢᠭᠤᠯᠬᠤ ᠡᠳ᠋ ᠤᠨ ᠵᠠᠰᠠᠭ ᠭᠠᠶᠢᠯᠢ ᠶᠢᠨ ᠲᠥᠷᠥ ᠶᠢᠨ ᠪᠣᠳᠣᠯᠭ᠎ᠠ ᠶᠢ ᠪᠦᠷᠢᠨᠰᠢᠭᠦᠯᠦᠨ᠎ᠡ︔ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ | ︵ᠬᠤᠶᠠᠷ︶ ᠡᠳ᠋ ᠤᠨ ᠵᠠᠰᠠᠭ᠂ ᠡᠳ᠋ ᠤᠨ ᠶᠠᠪᠤᠳᠠᠯ᠂ ᠨᠢᠭᠲᠠᠯᠠᠨ ᠪᠤᠳᠤᠬᠤ ᠬᠠᠮᠢᠶᠠᠷᠤᠯᠲᠠ ᠶᠢᠨ ᠲᠠᠯ᠎ᠠ ᠶᠢᠨ ᠣᠷᠣᠨ ᠨᠤᠲᠤᠭ ᠤᠨ ᠴᠢᠨᠠᠷᠲᠠᠢ ᠬᠠᠤᠯᠢ | ᠲᠣᠭᠲᠠᠭᠠᠯ᠂ ᠲᠦᠷᠢᠮ ᠲᠣᠭᠲᠠᠭᠠᠯ ᠤᠨ ᠲᠥᠰᠦᠯ ᠢ ᠲᠤᠭᠤᠷᠪᠢᠨ ᠪᠢᠴᠢᠬᠦ ᠪᠥᠭᠡᠳ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ | ︵ᠭᠤᠷᠪᠠ︶ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠯ᠎ᠡ ᠵᠦᠢᠯ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢ ᠬᠠᠮᠢᠶᠠᠷᠬᠤ ᠶᠢ | ᠬᠠᠷᠢᠭᠤᠴᠠᠨ᠎ᠠ︔ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠣᠨ ᠤ ᠲᠥᠰᠦᠪ ᠪᠠ ᠲᠥᠰᠦᠪ ᠤᠨ ᠭᠦᠢᠴᠡᠳᠬᠡᠯ ᠤᠨ ᠡᠬᠡ ᠨᠣᠣᠷᠠᠭ ᠢ ᠨᠠᠶᠢᠷᠠᠭᠤᠯᠤᠨ | ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ᠵᠠᠷᠤᠯᠭ᠎ᠠ ᠶᠢᠨ ᠪᠠᠷᠢᠮᠵᠢᠶ᠎ᠠ᠂ ᠲᠣᠭᠲᠠᠭᠰᠠᠨ ᠨᠣᠷᠮ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ᠂ | ᠰᠠᠯᠠᠭ᠎ᠠ ᠮᠥᠴᠢᠷ ︵ᠨᠢᠭᠡᠴᠢ︶ ᠤᠨ ᠣᠨ ᠤ ᠲᠥᠰᠦᠪ ᠪᠠ ᠲᠥᠰᠦᠪ ᠤᠨ ᠭᠦᠢᠴᠡᠳᠬᠡᠯ ᠢ ᠬᠢᠨᠠᠨ ᠬᠠᠷᠭᠤᠭᠤᠯᠵᠤ ᠴᠣᠬᠤᠯᠠᠪᠤᠷᠢ ᠥᠭᠭᠦᠨ᠎ᠡ︔ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ | ᠪᠠᠶᠢᠩᠭᠤ ᠶᠢᠨ ᠬᠤᠷᠢᠶ᠎ᠠ ᠳᠤ ᠡᠳ᠋ ᠤᠨ ᠵᠠᠰᠠᠭ ᠤᠨ ᠲᠥᠰᠦᠪ᠂ ᠬᠡᠷᠡᠭᠵᠢᠭᠦᠯᠦᠯᠲᠡ ᠪᠠ ᠲᠥᠰᠦᠪ ᠤᠨ ᠭᠦᠢᠴᠡᠳᠬᠡᠯ ᠵᠡᠷᠭᠡ ᠪᠠᠶᠢᠳᠠᠯ ᠢᠶᠠᠨ ᠮᠡᠳᠡᠭᠦᠯᠦᠨ᠎ᠡ︔ ᠵᠠᠰᠠᠭ | ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠪᠡᠯᠡ ᠭᠠᠷᠭᠠᠭᠰᠠᠨ ᠡᠳ᠋ ᠬᠥᠷᠥᠩᠭᠡ | ᠶᠢᠨ ᠬᠠᠮᠢᠶᠠᠷᠤᠯᠲᠠ ᠶᠢ ᠬᠠᠷᠢᠭᠤᠴᠠᠨ᠎ᠠ︔ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠲᠥᠰᠦᠪ ᠪᠠ ᠲᠥᠰᠦᠪ ᠤᠨ ᠭᠦᠢᠴᠡᠳᠬᠡᠯ ᠢ ᠢᠯᠡ ᠪᠣᠯᠭᠠᠬᠤ ᠶᠢ | ᠬᠠᠷᠢᠭᠤᠴᠠᠨ᠎ᠠ︔ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠬᠢᠭᠡᠳ ᠲᠥᠪ ᠤᠨ ᠡᠳ᠋ ᠤᠨ ᠵᠠᠰᠠᠭ᠂ ᠠᠶᠢᠮᠠᠭ ᠬᠤᠲᠠ ᠶᠢᠨ ᠡᠳ᠋ ᠤᠨ ᠵᠠᠰᠠᠭ ᠤᠨ ᠣᠨ ᠤ | ᠡᠴᠦᠰ ᠤᠨ ᠲᠥᠷᠥᠯ ᠵᠦᠢᠯ ᠤᠨ ᠶᠠᠪᠤᠳᠠᠯ ᠢ ᠭᠦᠶᠴᠡᠳᠬᠡᠨ᠎ᠡ᠃ | ︵ᠳᠥᠷᠪᠡ︶ ᠥᠪᠡᠷᠲᠡᠭᠡᠨ ᠵᠠᠰᠠᠬᠤ ᠣᠷᠣᠨ ᠤ ᠡᠷᠬᠡ ᠮᠡᠳᠡᠯ ᠤᠨ ᠬᠡᠪᠴᠢᠶᠡᠨ ᠳᠣᠲᠣᠷᠠᠬᠢ ᠬᠤᠯᠪᠣᠭᠳᠠᠯ ᠪᠦᠬᠦᠢ ᠭᠠᠶᠢᠯᠢ ᠲᠠᠲᠠᠪᠤᠷᠢ ᠶᠢᠨ ᠠᠷᠭ᠎ᠠ ᠵᠢᠴᠢ | ᠭᠠᠶᠢᠯᠢ ᠲᠠᠲᠠᠪᠤᠷᠢ ᠳᠤ ᠲᠣᠬᠢᠷᠠᠭᠤᠯᠤᠯᠲᠠ ᠬᠢᠬᠦ ᠲᠥᠰᠦᠯ ᠢ ᠰᠤᠳᠤᠯᠤᠨ ᠲᠣᠭᠲᠠᠭᠠᠨ᠎ᠠ︔ ᠲᠣᠭᠲᠠᠭᠰᠠᠨ ᠡᠷᠬᠡ ᠮᠡᠳᠡᠯ ᠢᠶᠠᠷ ᠢᠶᠠᠨ ᠶᠣᠰᠣᠭᠠᠷ ᠣᠷᠣᠨ ᠨᠤᠲᠤᠭ ᠤᠨ | ᠭᠠᠶᠢᠯᠢ ᠶᠢ ᠬᠠᠰᠤᠵᠤ ᠬᠡᠯᠲᠦᠷᠢᠭᠦᠯᠬᠦ ᠪᠠ ᠭᠠᠶᠢᠯᠢ ᠶᠢᠨ ᠨᠣᠷᠮ᠎ᠠ ᠶᠢᠨ ᠲᠣᠬᠢᠷᠠᠭᠤᠯᠤᠯᠲᠠ ᠶᠢ ᠬᠢᠨᠠᠨ ᠬᠠᠷᠭᠤᠭᠤᠯᠵᠤ ᠮᠡᠳᠡᠭᠦᠯᠦᠨ ᠵᠥᠪᠰᠢᠶᠡᠷᠡᠭᠦᠯᠬᠦ ᠠᠵᠢᠯ ᠢ | ᠬᠠᠷᠢᠭᠤᠴᠠᠨ᠎ᠠ᠃ | ︵ᠲᠠᠪᠤ︶ ᠠᠵᠢᠯ ᠤᠨ ᠬᠤᠪᠢᠶᠠᠷᠢ ᠶᠣᠰᠣᠭᠠᠷ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢ ᠬᠠᠷᠢᠭᠤᠴᠠᠨ᠎ᠠ︔ ᠵᠠᠰᠠᠭ ᠤᠨ | ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠬᠠᠮᠢᠶᠠᠷᠤᠯᠲᠠ ᠶᠢ ᠬᠠᠷᠢᠭᠤᠴᠠᠵᠤ᠂ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠠᠵᠢᠯ ᠦᠶᠯᠡᠰ ᠤᠨ ᠴᠢᠨᠠᠷᠲᠠᠶ | ᠰᠦᠶᠳᠬᠡᠯ ᠬᠤᠷᠢᠶᠠᠬᠤ ᠶᠢ ᠬᠠᠮᠢᠶᠠᠷᠤᠨ᠎ᠠ︔ ᠡᠳ᠋ ᠤᠨ ᠵᠠᠰᠠᠭ ᠤᠨ ᠫᠢᠶᠣᠣ ᠪᠠᠷᠢᠮᠲᠠ ᠶᠢ ᠬᠠᠮᠢᠶᠠᠷᠤᠨ᠎ᠠ︔ ᠰᠤᠭᠤᠯᠠᠭ᠎ᠠ ᠶᠢᠨ ᠬᠠᠮᠢᠶᠠᠷᠤᠯᠲᠠ ᠶᠢᠨ ᠬᠤᠯᠪᠣᠭᠳᠠᠯ | ᠪᠦᠬᠦᠢ ᠠᠷᠭ᠎ᠠ ᠶᠢ ᠲᠤᠭᠤᠷᠪᠢᠨ ᠲᠣᠭᠲᠠᠭᠠᠵᠤ᠂ ᠰᠤᠭᠤᠯᠠᠭ᠎ᠠ ᠶᠢᠨ ᠵᠠᠬ᠎ᠠ ᠳᠡᠯᠭᠡᠭᠦᠷ ᠢ ᠬᠢᠨᠠᠨ ᠬᠠᠮᠢᠶᠠᠷᠴᠤ᠂ ᠰᠤᠭᠤᠯᠠᠭ᠎ᠠ ᠶᠢᠨ ᠪᠡᠯᠡ ᠮᠥᠩᠭᠦ ᠶᠢ ᠲᠣᠭᠲᠠᠭᠠᠯ | ᠶᠣᠰᠣᠭᠠᠷ ᠬᠠᠮᠢᠶᠠᠷᠤᠨ᠎ᠠ᠃ | ︵ᠵᠢᠷᠭᠤᠭ᠎ᠠ︶ ᠪᠦᠬᠦ ᠣᠷᠣᠨ ᠤ ᠤᠯᠤᠰ ᠤᠨ ᠬᠥᠮᠥᠷᠭᠡ ᠶᠢᠨ ᠬᠠᠮᠢᠶᠠᠷᠤᠯᠲᠠ ᠶᠢᠨ ᠳᠦᠷᠢᠮ᠂ ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠬᠤᠷᠢᠶᠠᠬᠤ ᠪᠠ | ᠣᠯᠭᠤᠬᠤ ᠳᠦᠷᠢᠮ ᠢ ᠵᠣᠬᠢᠶᠠᠨ ᠪᠠᠶᠢᠭᠤᠯᠤᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠬᠥᠮᠥᠷᠭᠡ ᠶᠢᠨ ᠲᠤᠬᠠᠶᠢᠯᠠᠭᠰᠠᠨ ᠠᠵᠢᠯ ᠢ ᠵᠢᠯᠣᠭᠤᠳᠬᠤ | ᠪᠠ ᠬᠢᠨᠠᠯᠲᠠ ᠲᠠᠯᠪᠢᠵᠤ᠂ ᠤᠯᠤᠰ ᠤᠨ ᠬᠥᠮᠥᠷᠭᠡ ᠶᠢᠨ ᠪᠡᠯᠡᠨ ᠵᠣᠭᠤᠰ ᠤᠨ ᠬᠠᠮᠢᠶᠠᠷᠤᠯᠲᠠ ᠶᠢᠨ ᠠᠵᠢᠯ ᠢ ᠥᠷᠨᠢᠭᠦᠯᠦᠨ᠎ᠡ︔ ᠵᠠᠰᠠᠭ ᠤᠨ ᠣᠷᠳᠣᠨ ᠤ ᠡᠳ᠋ ᠤᠨ | ᠶᠠᠪᠤᠳᠠᠯ ᠤᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠠᠷᠭ᠎ᠠ ᠶᠢ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠵᠠᠰᠠᠭ ᠤᠨ | ᠣᠷᠳᠣᠨ ᠤ ᠬᠤᠳᠠᠯᠳᠤᠨ ᠠᠪᠬᠤ ᠳᠦᠷᠢᠮ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠨ ᠬᠠᠮᠢᠶᠠᠷᠤᠨ᠎ᠠ᠃ | ︵ᠳᠣᠯᠤᠭ᠎ᠠ︶ ᠵᠠᠰᠠᠭ ᠤᠨ ᠣᠷᠳᠣᠨ ᠤ ᠤᠯᠤᠰ ᠤᠨ ᠳᠣᠲᠣᠭᠠᠳᠤ ᠶᠢᠨ ᠥᠭᠴᠡᠭᠡᠨ ᠤ ᠬᠠᠮᠢᠶᠠᠷᠤᠯᠲᠠ ᠶᠢᠨ ᠲᠤᠬᠠᠶ ᠤᠯᠤᠰ ᠤᠨ ᠳᠦᠷᠢᠮ ᠪᠣᠯᠤᠨ ᠲᠥᠷᠥ | ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ︔ ᠪᠦᠬᠦ ᠣᠷᠣᠨ ᠤ ᠵᠠᠰᠠᠭ ᠤᠨ ᠣᠷᠳᠣᠨ ᠤ ᠴᠢᠨᠠᠷᠲᠠᠶ ᠥᠭᠴᠡᠭᠡ ᠶᠢᠨ ᠬᠠᠮᠢᠶᠠᠷᠤᠯᠲᠠ ᠶᠢᠨ ᠳᠦᠷᠢᠮ ᠪᠠ | ᠠᠷᠭ᠎ᠠ ᠶᠢ ᠬᠠᠤᠯᠢ ᠶᠣᠰᠣᠭᠠᠷ ᠲᠣᠭᠲᠠᠭᠠᠨ᠎ᠠ︔ ᠵᠠᠰᠠᠭ ᠤᠨ ᠣᠷᠳᠣᠨ ᠤ ᠴᠢᠨᠠᠷᠲᠠᠶ ᠥᠭᠴᠡᠭᠡ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠲᠤᠭ᠎ᠠ ᠬᠢᠵᠠᠭᠠᠷᠯᠠᠨ | ᠬᠠᠮᠢᠶᠠᠷᠬᠤ ᠶᠢ ᠬᠠᠷᠢᠭᠤᠴᠠᠨ᠎ᠠ︔ ᠵᠠᠰᠠᠭ ᠤᠨ ᠣᠷᠳᠣᠨ ᠤ ᠭᠠᠳᠠᠭᠠᠳᠤ ᠥᠭᠴᠡᠭᠡ ᠶᠢᠨ ᠬᠠᠮᠢᠶ᠎ᠠ ᠪᠦᠬᠦᠢ ᠠᠵᠢᠯ ᠢ ᠨᠢᠭᠡᠳᠦᠯᠲᠡᠶ ᠬᠠᠮᠢᠶᠠᠷᠬᠤ ᠶᠢ ᠬᠠᠷᠢᠭᠤᠴᠠᠨ᠎ᠠ᠃ | ︵ᠨᠠᠶᠮᠠ︶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠮᠡᠳᠡᠭᠦᠯᠦᠯᠲᠡ ᠶᠢ ᠲᠦᠷᠦᠭᠦᠯᠡᠵᠦ ᠨᠠᠶᠢᠷᠠᠭᠤᠯᠤᠨ ᠵᠣᠬᠢᠶᠠᠨ᠎ᠠ︔ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠣᠯᠭᠤᠭᠰᠠᠨ ᠡᠷᠬᠡ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ | ᠤ ᠤᠯᠤᠰ ᠤᠨ ᠥᠮᠴᠢᠯᠡᠯᠲᠦ ᠮᠥᠩᠭᠦᠨ ᠭᠦᠢᠯᠭᠡᠭᠡᠨ ᠤ ᠬᠥᠷᠥᠩᠭᠡ ᠶᠢᠨ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠨᠢᠭᠡᠳᠦᠯᠲᠡᠶ ᠲᠥᠪᠯᠡᠷᠡᠭᠦᠯᠦᠨ | ᠭᠦᠢᠴᠡᠳᠬᠡᠵᠦ᠂ ᠤᠯᠤᠰ ᠤᠨ ᠥᠮᠴᠢᠯᠡᠯᠲᠦ ᠮᠥᠩᠭᠦᠨ ᠭᠦᠢᠯᠭᠡᠭᠡᠨ ᠤ ᠬᠥᠷᠥᠩᠭᠡ ᠶᠢᠨ ᠮᠡᠳᠡᠭᠦᠯᠦᠯᠲᠡ ᠶᠢᠨ ᠳᠦᠷᠢᠮ ᠢ ᠪᠠᠶᠢᠭᠤᠯᠤᠨ᠎ᠠ︔ ᠡᠳ᠋ ᠤᠨ ᠵᠠᠰᠠᠭ ᠬᠢᠭᠡᠳ | ᠮᠥᠩᠭᠦᠨ ᠭᠦᠶᠯᠭᠡᠭᠡᠨ ᠤ ᠵᠣᠬᠢᠴᠠᠯᠳᠤᠨ ᠬᠠᠮᠵᠢᠯᠴᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠵᠠᠰᠠᠭ ᠤᠨ ᠣᠷᠳᠣᠨ ᠪᠠ ᠨᠡᠶᠢᠭᠡᠮ | ᠤᠨ ᠬᠥᠷᠥᠩᠭᠡ ᠶᠢᠨ ᠬᠠᠮᠲᠤᠷᠠᠯᠴᠠᠨ ᠬᠠᠮᠢᠶᠠᠷᠬᠤ ᠠᠵᠢᠯ ᠢ ᠬᠠᠷᠢᠭᠤᠴᠠᠨ᠎ᠠ︔ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠣᠭᠲᠠᠭᠠᠯ ᠶᠣᠰᠣᠭᠠᠷ | ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ | ᠬᠠᠮᠢᠶᠠᠷᠤᠨ᠎ᠠ᠃ | ︵ᠶᠢᠰᠦ︶ ᠪᠦᠬᠦ ᠣᠷᠣᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ | ᠬᠢᠨᠠᠬᠤ ᠶᠢᠨ ᠬᠠᠮᠲᠤ ᠬᠤᠷᠢᠶᠠᠩᠭᠤᠶᠢᠯᠠᠨ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠨ᠎ᠠ︔ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ | ᠤᠨ ᠳᠦᠷᠢᠮ ᠪᠣᠯᠤᠨ ᠠᠷᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠠᠵᠤ ᠠᠬᠤᠶᠢᠯᠠᠯ ᠤᠨ ᠤᠯᠤᠰ ᠤᠨ | ᠥᠮᠴᠢᠯᠡᠯᠲᠦ ᠬᠥᠷᠥᠩᠭᠡ ᠶᠢᠨ ᠠᠰᠢᠭ ᠣᠯᠵᠠᠪᠤᠷᠢ ᠶᠢ ᠬᠤᠷᠢᠶᠠᠨ᠎ᠠ︔ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠲᠦᠷᠢᠮ ᠢ ᠵᠣᠬᠢᠶᠠᠨ ᠪᠠᠶᠢᠭᠤᠯᠵᠤ | ᠬᠡᠷᠡᠭᠵᠢᠭᠦᠯᠦᠨ᠎ᠡ᠃ | ︵ᠠᠷᠪᠠ︶ ᠪᠦᠬᠦ ᠣᠷᠣᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ ᠬᠢᠨᠠᠨ | ᠬᠠᠷᠭᠤᠭᠤᠯᠬᠤ ᠶᠢᠨ ᠬᠠᠮᠲᠤ ᠬᠤᠷᠢᠶᠠᠩᠭᠤᠶᠢᠯᠠᠨ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠤᠯᠪᠣᠭᠳᠠᠯ | ᠪᠦᠬᠦᠢ ᠪᠡᠯᠡ ᠮᠥᠩᠭᠦ ︵ᠰᠠᠭᠤᠷᠢ ᠮᠥᠩᠭᠦ︶ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠵᠤ᠂ ᠨᠡᠶᠢᠭᠡᠮ ᠤᠨ ᠳᠠᠭᠠᠳᠬᠠᠯ | ᠤᠨ ᠰᠠᠭᠤᠷᠢ ᠮᠥᠩᠭᠦᠨ ᠤ ᠡᠳ᠋ ᠤᠨ ᠵᠠᠰᠠᠭ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ | ︵ᠠᠷᠪᠠᠨ ᠨᠢᠭᠡ︶ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠠᠵᠤ ᠠᠬᠤᠶ ᠶᠢᠨ ᠬᠥᠭᠵᠢᠯᠲᠡ ᠶᠢᠨ ᠵᠠᠷᠤᠯᠭ᠎ᠠ᠂ ᠲᠥᠪ ᠪᠣᠯᠤᠨ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠴᠢᠨᠠᠷᠲᠠᠶ ᠪᠡᠯᠡ ᠣᠷᠣᠭᠤᠯᠤᠯᠲᠠ ᠶᠢᠨ ᠲᠥᠷᠥᠯ ᠵᠦᠶᠯ ᠳᠤ ᠡᠳ᠋ ᠤᠨ ᠵᠠᠰᠠᠭ ᠠᠴᠠ ᠵᠣᠭᠤᠰ ᠰᠠᠯᠭᠠᠨ ᠥᠭᠬᠦ ᠶᠢ | ᠭᠦᠢᠴᠡᠳᠬᠡᠬᠦ ᠪᠠ ᠬᠢᠨᠠᠯᠲᠠ ᠲᠠᠯᠪᠢᠬᠤ ᠶᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ | ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠵᠤ᠂ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠡᠳ᠋ ᠤᠨ | ᠶᠠᠪᠤᠳᠠᠯ ᠤᠨ ᠳᠦᠷᠢᠮ ᠲᠤᠭᠤᠷᠪᠢᠨ ᠲᠣᠭᠲᠠᠭᠠᠨ᠎ᠠ᠃ | ︵ᠠᠷᠪᠠᠨ ᠬᠤᠶᠠᠷ︶ ᠪᠦᠬᠦ ᠣᠷᠣᠨ ᠤ ᠨᠢᠭᠲᠠᠯᠠᠨ ᠪᠣᠳᠣᠬᠤ ᠠᠵᠢᠯ ᠢ ᠬᠠᠮᠢᠶᠠᠷᠬᠤ ᠶᠢ ᠬᠠᠷᠢᠭᠤᠴᠠᠵᠤ᠂ ᠨᠢᠭᠲᠠᠯᠠᠨ ᠪᠣᠳᠣᠬᠤ ᠠᠵᠢᠯᠯᠠᠭ᠎ᠠ ᠳᠤ ᠬᠢᠨᠠᠯᠲᠠ | ᠲᠠᠯᠪᠢᠬᠤ ᠪᠠ ᠲᠡᠭᠦᠨ ᠢ ᠵᠢᠷᠤᠮᠵᠢᠭᠤᠯᠵᠤ᠂ ᠳᠠᠩᠰᠠᠯᠠᠭᠤᠯᠤᠭᠰᠠᠨ ᠨᠢᠭᠲᠠᠯᠠᠨ ᠪᠣᠳᠣᠭᠴᠢ ᠪᠣᠯᠤᠨ ᠨᠢᠭᠲᠠᠯᠠᠨ ᠪᠣᠳᠣᠭᠴᠢ ᠶᠢᠨ ᠬᠡᠷᠡᠭ ᠡᠷᠬᠢᠯᠡᠬᠦ ᠭᠠᠵᠠᠷ ᠤᠨ | ᠲᠤᠬᠠᠶᠢᠯᠠᠭᠰᠠᠨ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠵᠤ᠂ ᠨᠡᠶᠢᠭᠡᠮ ᠤᠨ ᠬᠢᠨᠠᠨ ᠪᠣᠳᠣᠯᠲᠠ ᠶᠢ ᠵᠢᠯᠣᠭᠤᠳᠤᠨ ᠬᠠᠮᠢᠶᠠᠷᠤᠨ᠎ᠠ᠃ ᠡᠳ᠋ ᠬᠥᠷᠥᠩᠭᠡ ᠶᠢ ᠦᠨᠡᠯᠡᠨ | ᠵᠢᠱᠢᠬᠦ ᠬᠤᠯᠪᠣᠭᠳᠠᠯ ᠪᠥᠬᠦᠶ ᠠᠵᠢᠯ ᠢ ᠬᠠᠤᠯᠢ ᠶᠣᠰᠣᠭᠠᠷ ᠬᠠᠮᠢᠶᠠᠷᠤᠨ᠎ᠠ᠃ | ︵ᠠᠷᠪᠠᠨ ᠭᠤᠷᠪᠠ︶ ᠡᠳ᠋ ᠤᠨ ᠵᠠᠰᠠᠭ ᠭᠠᠶᠢᠯᠢ ᠶᠢᠨ ᠬᠠᠤᠯᠢ ᠴᠠᠭᠠᠵᠠ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ | ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠳᠠᠬᠢ ᠴᠢᠬᠤᠯᠠ ᠶᠡᠭᠡ ᠠᠰᠠᠭᠤᠳᠠᠯ ᠢ | ᠲᠤᠰᠬᠠᠨ᠎ᠠ︔ ᠲᠥᠰᠦᠪ ᠤᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ︔ | ᠳᠣᠲᠣᠭᠠᠳᠤ ᠶᠢᠨ ᠡᠵᠡᠮᠳᠡᠯ ᠢ ᠱᠠᠯᠠᠪᠳᠠᠨ ᠵᠢᠯᠣᠭᠤᠳᠴᠤ ᠵᠢᠷᠤᠮᠵᠢᠭᠤᠯᠤᠨ᠂ ᠡᠳ᠋ ᠤᠨ ᠵᠠᠰᠠᠭ ᠤᠨ ᠬᠠᠮᠢᠶᠠᠷᠤᠯᠲᠠ ᠶᠢ ᠴᠢᠩᠭᠠᠳᠬᠠᠬᠤ ᠲᠦᠷᠦ ᠶᠢᠨ ᠪᠤᠳᠤᠯᠭ᠎ᠠ ᠪᠠ | ᠰᠠᠨᠠᠭᠤᠯᠭ᠎ᠠ ᠶᠢ ᠳᠤᠷᠠᠳᠤᠨ᠎ᠠ᠃ | ︵ᠠᠷᠪᠠᠨ ᠳᠥᠷᠪᠡ︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ︵ᠠᠷᠪᠠᠨ ᠲᠠᠪᠤ︶ ᠡᠭᠦᠷᠭᠡ ᠴᠢᠳᠠᠪᠬᠢ ᠶᠢᠨ ᠬᠤᠪᠢᠷᠠᠯᠲᠠ᠄ 365赢多少钱会被限额_国内有真正的365平台吗_365bet博彩官网 | 1. ᠬᠤᠷᠸ᠎ᠠ ᠲᠣᠬᠢᠷᠠᠭᠤᠯᠭ᠎ᠠ ᠡᠵᠡᠮᠰᠢᠯ ᠤᠨ ᠰᠢᠰᠲ᠋ᠧᠮ ᠢ ᠪᠦᠷᠢᠨᠰᠢᠭᠦᠯᠦᠨ᠂ ᠲᠣᠬᠢᠷᠠᠭᠤᠯᠭ᠎ᠠ ᠡᠵᠡᠮᠰᠢᠯ ᠤᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ | ᠬᠥᠭᠵᠢᠯᠲᠡ ᠶᠢᠨ ᠲᠥᠯᠥᠪᠵᠢᠭᠦᠯᠭᠡ᠂ ᠡᠳ᠋ ᠤᠨ ᠵᠠᠰᠠᠭ᠂ ᠮᠥᠩᠭᠦᠨ ᠭᠦᠢᠯᠭᠡᠭᠡ ᠵᠡᠷᠭᠡ ᠲᠥᠷᠥ ᠶᠢᠨ ᠪᠣᠳᠣᠯᠭ᠎ᠠ ᠶᠢᠨ ᠵᠣᠬᠢᠴᠠᠭᠤᠯᠭ᠎ᠠ ᠪᠣᠯᠤᠨ ᠠᠵᠢᠯ ᠤᠨ | ᠬᠠᠮᠵᠢᠯᠴᠠᠬᠤ ᠲᠣᠭᠲᠠᠴᠠ ᠶᠢ ᠪᠠᠶᠢᠭᠤᠯᠤᠨ᠂ ᠠᠵᠤ ᠠᠬᠤᠶ ᠶᠢᠨ ᠬᠢᠨᠠᠨ ᠬᠡᠮᠵᠢᠵᠦ ᠲᠥᠰᠦᠭᠡᠯᠡᠬᠦ ᠰᠡᠷᠡᠮᠵᠢᠯᠡᠭᠦᠯᠬᠦ ᠴᠢᠳᠠᠪᠤᠷᠢ ᠶᠢ ᠴᠢᠩᠭᠠᠷᠠᠭᠤᠯᠵᠤ᠂ ᠴᠢᠬᠤᠯᠠ ᠶᠡᠭᠡ | ᠠᠰᠠᠭᠤᠳᠠᠯ ᠢ ᠰᠤᠳᠤᠯᠬᠤ ᠪᠠ ᠲᠥᠷᠥ ᠶᠢᠨ ᠪᠣᠳᠣᠯᠭ᠎ᠠ ᠶᠢ ᠨᠥᠭᠡᠴᠡᠯᠡᠬᠦ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠤᠷᠸ᠎ᠠ ᠲᠣᠬᠢᠷᠠᠭᠤᠯᠭ᠎ᠠ | ᠡᠵᠡᠮᠰᠢᠯ ᠤᠨ ᠪᠠᠷᠠᠭᠠᠯᠬᠢᠯᠠᠯ ᠤᠨ ᠴᠢᠨᠠᠷ᠂ ᠴᠢᠭᠯᠡᠭᠦᠯᠦᠯᠲᠦ ᠴᠢᠨᠠᠷ᠂ ᠬᠠᠮᠵᠢᠯᠴᠠᠬᠤ ᠴᠢᠨᠠᠷ ᠢ ᠨᠡᠮᠡᠭᠳᠡᠭᠦᠯᠦᠨ᠎ᠡ᠃ | 2. ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠣᠲᠣ ᠦᠶ᠎ᠡ ᠶᠢᠨ ᠡᠳ᠋ ᠤᠨ ᠵᠠᠰᠠᠭ ᠤᠨ ᠲᠦᠷᠢᠮ ᠢ | ᠲᠦᠷᠭᠡᠳᠬᠡᠨ ᠪᠠᠶᠢᠭᠤᠯᠵᠤ᠂ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢ | ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ ᠣᠷᠣᠯᠭ᠎ᠠ ᠶᠢᠨ ᠬᠤᠪᠢᠶᠠᠷᠢᠯᠠᠯᠲᠠ ᠶᠢ ᠰᠢᠯᠤᠭᠤᠳᠬᠠᠵᠤ᠂ ᠡᠷᠬᠡ ᠬᠠᠷᠢᠭᠤᠴᠠᠯᠭ᠎ᠠ ᠲᠣᠳᠣᠷᠬᠠᠶ᠂ | ᠡᠳ᠋ ᠤᠨ ᠬᠦᠴᠦᠨ ᠵᠣᠬᠢᠴᠠᠩᠭᠤᠶ᠂ ᠣᠷᠣᠨ ᠪᠦᠰᠡ ᠲᠡᠩᠴᠡᠭᠦᠷᠢᠲᠡᠶ ᠥᠪᠡᠷᠲᠡᠭᠡᠨ ᠵᠠᠰᠠᠬᠤ ᠣᠷᠣᠨ ᠪᠠ ᠠᠶᠢᠮᠠᠭ ᠬᠤᠲᠠ ᠶᠢᠨ ᠡᠳ᠋ ᠤᠨ ᠵᠠᠰᠠᠭ ᠤᠨ ᠬᠠᠷᠢᠴᠠᠭ᠎ᠠ ᠶᠢ | ᠪᠠᠶᠢᠭᠤᠯᠤᠨ᠎ᠠ᠃ ᠰᠢᠯᠵᠢᠭᠦᠯᠦᠨ ᠥᠭᠬᠦ ᠳᠦᠷᠢᠮ ᠢ ᠪᠦᠷᠢᠨᠰᠢᠭᠦᠯᠦᠨ᠂ ᠰᠢᠯᠵᠢᠭᠦᠯᠦᠨ ᠥᠭᠬᠦ ᠶᠢ ᠲᠥᠷᠥᠯ ᠬᠤᠪᠢᠶᠠᠬᠤ ᠶᠢ ᠰᠢᠯᠢᠳᠡᠭᠵᠢᠭᠦᠯᠵᠦ᠂ ᠰᠢᠯᠵᠢᠭᠦᠯᠦᠨ ᠥᠭᠬᠦ | ᠲᠥᠷᠥᠯ ᠵᠦᠢᠯ ᠢ ᠵᠢᠷᠤᠮᠵᠢᠭᠤᠯᠤᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠨᠢᠭᠡᠳᠦᠯᠲᠡᠶ ᠲᠥᠯᠥᠪᠯᠡᠬᠦ ᠴᠢᠳᠠᠪᠤᠷᠢ ᠶᠢ ᠨᠡᠮᠡᠭᠳᠡᠭᠦᠯᠦᠨ᠎ᠡ᠃ | ᠲᠥᠰᠦᠪ ᠤᠨ ᠬᠤᠪᠢᠶᠠᠷᠢᠯᠠᠯᠲᠠ ᠶᠢ ᠠᠯᠬᠤᠮ ᠠᠯᠬᠤᠮ ᠢᠶᠠᠷ ᠨᠢᠭᠡᠳᠬᠡᠵᠦ᠂ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠪᠦᠬᠦ | ᠲᠠᠯ᠎ᠠ ᠪᠠᠷ ᠵᠢᠷᠤᠮᠵᠢᠭᠤᠯᠤᠭᠰᠠᠨ ᠢᠯᠡ ᠲᠣᠳᠣ᠂ ᠪᠠᠷᠢᠮᠵᠢᠶ᠎ᠠ ᠨᠢ ᠰᠢᠨᠵᠢᠯᠡᠬᠦ ᠤᠬᠠᠭᠠᠨᠴᠢ᠂ ᠬᠢᠵᠠᠭᠠᠷᠯᠠᠯ ᠨᠢ ᠬᠦᠴᠦᠲᠡᠶ ᠲᠥᠰᠦᠪ ᠤᠨ ᠳᠦᠷᠢᠮ ᠢ ᠪᠠᠶᠢᠭᠤᠯᠤᠨ᠎ᠠ᠃ | ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠪᠠ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠲᠣᠳᠣᠷᠬᠠᠢ ᠬᠠᠭᠤᠳᠠᠰᠤ ᠶᠢᠨ | ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠢᠨᠠᠯᠲᠠ ᠲᠠᠯᠪᠢᠬᠤ ᠳᠦᠷᠢᠮ ᠢ ᠪᠦᠷᠢᠨᠰᠢᠭᠦᠯᠦᠨ᠎ᠡ᠃ ᠭᠠᠶᠢᠯᠢ ᠲᠠᠲᠠᠪᠤᠷᠢ ᠶᠢᠨ ᠲᠦᠷᠢᠮ ᠤᠨ ᠥᠭᠡᠷᠡᠴᠢᠯᠡᠯᠲᠡ | ᠶᠢ ᠭᠦᠨᠵᠡᠭᠡᠶᠢᠷᠡᠭᠦᠯᠦᠨ᠎ᠡ᠃ | 3. ᠣᠷᠣᠨ ᠨᠤᠲᠤᠭ ᠤᠨ ᠵᠠᠰᠠᠭ ᠤᠨ ᠣᠷᠳᠣᠨ ᠤ ᠥᠭᠴᠡᠭᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠵᠢᠭᠡᠯᠡᠯᠭᠡ ᠠᠪᠴᠤ ᠪᠠᠯᠠ | ᠳᠣᠭᠢᠷᠠᠭᠤᠯᠬᠤ ᠲᠣᠭᠲᠠᠴᠠ ᠶᠢ ᠵᠢᠷᠤᠮᠵᠢᠭᠤᠯᠵᠤ᠂ ︽ᠪᠢᠲᠡᠭᠦᠦ ᠬᠦᠷᠢᠶ᠎ᠡ︾ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ᠂ ᠬᠠᠤᠯᠢ ᠪᠠᠷ ᠲᠣᠭᠲᠠᠭᠠᠭᠰᠠᠨ | ᠬᠢᠵᠠᠭᠠᠷ ᠲᠤᠭ᠎ᠠ ᠶᠢᠨ ᠳᠣᠲᠣᠷᠠᠬᠢ ᠥᠭᠴᠡᠭᠡ ᠶᠢᠨ ᠲᠦᠭᠰᠢᠭᠦᠷᠢ ᠶᠢ ᠴᠢᠩᠭ᠎ᠠ ᠡᠵᠡᠮᠳᠡᠵᠦ᠂ ᠥᠷᠢ ᠥᠭᠴᠡᠭᠡ ᠶᠢᠨ ᠳᠠᠯᠳᠠ ᠲᠦᠭᠰᠢᠭᠦᠷᠢ ᠶᠢ ᠬᠦᠴᠦᠯᠡᠨ ᠰᠡᠷᠭᠡᠶᠢᠯᠡᠨ | ᠡᠵᠡᠮᠳᠡᠵᠦ᠂ ᠰᠢᠰᠲ᠋ᠧᠮ ᠤᠨ ᠴᠢᠨᠠᠷᠲᠠᠶ ᠲᠦᠭᠰᠢᠭᠦᠷᠢ ᠥᠯᠥ ᠡᠭᠦᠰᠬᠡᠬᠦ ᠬᠤᠷᠢᠭ᠎ᠠ ᠱᠤᠭᠤᠮ ᠢ ᠪᠠᠲᠤ ᠰᠠᠬᠢᠨ᠎ᠠ᠃ | ︵ᠠᠷᠪᠠᠨ ᠵᠢᠷᠭᠤᠭ᠎ᠠ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠄ | 1. ᠭᠠᠶᠢᠯᠢ ᠶᠢᠨ ᠶᠠᠪᠤᠳᠠᠯ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠄ ︵1︶ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ | ᠤᠨ ᠲᠢᠩᠬᠢᠮ ᠨᠢ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ | ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠭᠠᠶᠢᠯᠢ ᠲᠠᠲᠠᠪᠤᠷᠢ ᠶᠢᠨ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ | ᠲᠣᠭᠲᠠᠭᠠᠯ ᠤᠨ ᠲᠥᠰᠦᠯ ᠪᠣᠯᠤᠨ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠬᠦ ᠲᠥᠰᠦᠯ ᠢ ᠵᠣᠬᠢᠶᠠᠨ ᠪᠠᠶᠢᠭᠤᠯᠤᠨ ᠲᠤᠭᠤᠷᠪᠢᠨ | ᠲᠣᠭᠲᠠᠭᠠᠵᠤ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ | ᠤᠨ ᠲᠣᠪᠴᠢᠶ᠎ᠠ ᠲᠠᠢ ᠬᠠᠮᠲᠤᠪᠠᠷ ᠳᠡᠭᠡᠭᠰᠢ ᠮᠡᠳᠡᠭᠦᠯᠬᠦ ᠪᠠ ᠳᠣᠷᠣᠭᠰᠢ ᠪᠠᠭᠤᠯᠭᠠᠨ᠎ᠠ᠃ ︵2︶ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ | ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠵᠡᠷᠭᠡ ᠰᠠᠯᠠᠭ᠎ᠠ ᠮᠥᠴᠢᠷ ᠲᠠᠢ ᠬᠠᠮᠵᠢᠯᠴᠠᠨ ᠪᠣᠭᠤᠮᠲᠠ ᠶᠢᠨ ᠭᠠᠶᠢᠯᠢ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ᠂ | ᠲᠦᠷᠢᠮ ᠲᠣᠭᠲᠠᠭᠠᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠬᠤᠯᠪᠣᠭᠳᠠᠯ ᠪᠥᠬᠦᠶ ᠪᠣᠭᠤᠮᠲᠠ ᠶᠢᠨ ᠭᠠᠶᠢᠯᠢ ᠶᠢᠨ ᠲᠥᠷᠥᠯ ᠵᠦᠶᠯ ᠤᠨ ᠮᠡᠳᠡᠭᠡ ᠵᠠᠩᠭᠢ ᠶᠢ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠠᠢ ᠴᠠᠭ ᠲᠤᠬᠠᠶ ᠳᠤ ᠨᠢ ᠬᠠᠮᠲᠤ ᠳᠤ ᠪᠠᠨ ᠬᠦᠷᠲᠡᠨ᠎ᠡ᠃ | 2. ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠄ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ ᠭᠠᠶᠢᠯᠢ ᠶᠢᠨ ᠪᠤᠰᠤ ᠣᠷᠣᠯᠭ᠎ᠠ ᠶᠢ ᠤᠯᠤᠰ ᠤᠨ ᠬᠥᠮᠥᠷᠭᠡ ᠳᠤ ᠲᠥᠪᠯᠡᠷᠡᠭᠦᠯᠦᠨ ᠬᠤᠷᠢᠶᠠᠨ ᠲᠤᠰᠢᠶᠠᠬᠤ ᠳᠦᠷᠢᠮ ᠢ ᠲᠤᠭᠤᠷᠪᠢᠨ ᠲᠣᠭᠲᠠᠭᠠᠬᠤ | ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠭᠠᠶᠢᠯᠢ ᠶᠢᠨ ᠪᠤᠰᠤ ᠣᠷᠣᠯᠭ᠎ᠠ ᠶᠢᠨ ᠳᠠᠩᠰᠠ᠂ ᠬᠤᠷᠢᠶᠠᠵᠤ ᠲᠤᠰᠢᠶᠠᠬᠤ ᠠᠷᠭ᠎ᠠ ᠮᠠᠶ᠋ᠢᠭ᠂ ᠪᠤᠴᠠᠭᠠᠬᠤ | ᠬᠥᠮᠥᠷᠭᠡ ᠳᠤᠨᠢ ᠪᠤᠴᠠᠭᠠᠬᠤ ᠵᠡᠷᠭᠡ ᠬᠠᠮᠢᠶᠠᠷᠤᠯᠲᠠ ᠶᠢ ᠬᠠᠷᠢᠭᠤᠴᠠᠨ᠎ᠠ᠃ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠭᠠᠶᠢᠯᠢ ᠶᠢᠨ ᠪᠤᠰᠤ ᠣᠷᠣᠯᠭ᠎ᠠ ᠶᠢ ᠤᠯᠤᠰ ᠤᠨ | ᠬᠥᠮᠥᠷᠭᠡ ᠳᠤ ᠲᠥᠪᠯᠡᠷᠡᠭᠦᠯᠦᠨ ᠬᠤᠷᠢᠶᠠᠨ ᠲᠤᠰᠢᠶᠠᠬᠤ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ | ᠲᠠᠲᠠᠪᠤᠷᠢᠯᠠᠭᠰᠠᠨ ᠭᠠᠶᠢᠯᠢ ᠶᠢᠨ ᠪᠤᠰᠤ ᠣᠷᠣᠯᠭ᠎ᠠ ᠶᠢᠨ ᠲᠥᠷᠥᠯ ᠵᠦᠶᠯ ᠢ ᠮᠡᠳᠡᠭᠦᠯᠬᠦ ᠲᠠᠲᠠᠪᠤᠷᠢᠯᠠᠬᠤ᠂ ᠨᠢᠭᠡᠳᠦᠯᠲᠡᠶ ᠬᠢᠨᠠᠨ ᠪᠣᠳᠣᠬᠤ᠂ ᠰᠦᠶᠳᠬᠡᠯ ᠲᠤᠰᠢᠶᠠᠬᠤ ᠶᠢ | ᠪᠠᠶᠢᠴᠠᠭᠠᠬᠤ᠂ ᠥᠷᠢᠲᠦᠭᠰᠡᠨ ᠰᠦᠶᠳᠬᠡᠯ ᠢ ᠨᠡᠬᠡᠮᠵᠢᠯᠡᠨ ᠲᠤᠰᠢᠶᠠᠯᠭᠠᠬᠤ ᠪᠠ ᠬᠠᠤᠯᠢ ᠠᠴᠠ ᠵᠥᠷᠢᠴᠡᠭᠰᠡᠨ ᠢ ᠰᠢᠢᠳᠬᠡᠨ ᠲᠣᠷᠭᠠᠬᠤ ᠵᠡᠷᠭᠡ ᠠᠵᠢᠯ ᠢ ᠬᠠᠷᠢᠭᠤᠴᠠᠨ᠎ᠠ᠃ | ᠬᠤᠯᠪᠣᠭᠳᠠᠯ ᠪᠦᠬᠦᠢ ᠭᠠᠶᠢᠯᠢ ᠶᠢᠨ ᠪᠤᠰᠤ ᠣᠷᠣᠯᠭ᠎ᠠ ᠶᠢᠨ ᠲᠥᠷᠥᠯ ᠵᠦᠶᠯ ᠢ ᠲᠠᠲᠠᠪᠤᠷᠢᠯᠠᠭᠰᠠᠨ ᠮᠡᠳᠡᠭᠡ ᠵᠠᠩᠭᠢ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ ᠲᠠᠢ ᠴᠠᠭ ᠲᠤᠬᠠᠶ ᠳᠤ ᠨᠢ ᠬᠠᠮᠲᠤ ᠳᠤ ᠪᠠᠨ ᠬᠦᠷᠲᠡᠨ᠎ᠡ᠃ | 3. ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠯᠦᠭᠡ ᠶᠢᠨ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ | ᠵᠡᠷᠭᠡ ᠬᠠᠮᠢᠶ᠎ᠠ ᠪᠦᠬᠦᠢ ᠠᠵᠢᠯ ᠵᠢᠴᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠡᠵᠡᠩᠨᠡᠯᠲᠡ ᠶᠢᠨ ᠲᠥᠰᠦᠪ ᠢ ᠵᠣᠬᠢᠶᠠᠨ ᠪᠠᠶᠢᠭᠤᠯᠵᠤ ᠨᠠᠶᠢᠷᠠᠭᠤᠯᠤᠨ ᠮᠡᠳᠡᠭᠦᠯᠬᠦ | ᠪᠠ ᠪᠣᠳᠠᠲᠠᠶ ᠬᠡᠷᠡᠭᠵᠢᠭᠦᠯᠬᠦ ᠲᠠᠯ᠎ᠠ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠵᠠᠰᠠᠭ | ᠵᠠᠬᠢᠷᠭᠠᠨ ᠠᠵᠢᠯ ᠦᠶᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠬᠠᠷᠢᠭᠤᠴᠠᠨ ᠲᠣᠭᠲᠠᠭᠠᠵᠤ᠂ | ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠨᠡᠶᠢᠯᠡᠭᠦᠯᠬᠦ ᠳᠠᠬᠢᠨ ᠵᠣᠬᠢᠶᠠᠨ ᠪᠠᠶᠢᠭᠤᠯᠬᠤ᠂ ᠥᠭᠡᠷᠡᠴᠢᠯᠡᠬᠦ ᠶᠢ ᠳᠡᠮᠵᠢᠬᠦ ᠡᠳ᠋ ᠤᠨ ᠵᠠᠰᠠᠭ ᠤᠨ ᠲᠥᠷᠥ ᠶᠢᠨ | ᠪᠣᠳᠣᠯᠭ᠎ᠠ ᠶᠢ ᠰᠤᠳᠤᠯᠤᠨ ᠳᠤᠷᠠᠳᠴᠤ᠂ ᠮᠥᠩᠭᠦᠨ ᠭᠦᠶᠯᠭᠡᠭᠡᠨ ᠤ ᠲᠥᠷᠥᠯ ᠤᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ | ᠬᠠᠮᠢᠶᠠᠷᠤᠨ᠎ᠠ᠃ ᠪᠦᠬᠦ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠳᠦᠷᠢᠮ ᠪᠣᠯᠤᠨ ᠠᠷᠭ᠎ᠠ ᠶᠢ ᠬᠠᠷᠢᠭᠤᠴᠠᠨ | ᠲᠣᠭᠲᠠᠭᠠᠵᠤ᠂ ᠪᠦᠬᠦ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠳᠦᠷᠢᠮ ᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠤᠯᠤᠰ ᠤᠨ ᠥᠮᠴᠢᠯᠡᠯᠲᠦ ᠡᠳ᠋ ᠬᠥᠷᠥᠩᠭᠡ | ᠶᠢᠨ ᠡᠵᠡᠩᠨᠡᠯᠲᠡ ᠶᠢᠨ ᠲᠥᠰᠦᠪ ᠤᠨ ᠲᠥᠰᠦᠯ ᠢ ᠨᠠᠶᠢᠷᠠᠭᠤᠯᠤᠨ ᠮᠡᠳᠡᠭᠦᠯᠵᠦ᠂ ᠤᠯᠤᠰ ᠤᠨ ᠥᠮᠴᠢᠯᠡᠯᠲᠦ ᠬᠥᠷᠥᠩᠭᠡ ᠶᠢᠨ ᠠᠰᠢᠭ ᠣᠯᠵᠠᠪᠤᠷᠢ ᠶᠢ ᠬᠢᠨᠠᠨ | ᠲᠤᠰᠢᠶᠠᠯᠭᠠᠬᠤ ᠶᠢ ᠬᠠᠷᠢᠭᠤᠴᠠᠨ᠎ᠠ᠃ | ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠳᠤ ᠳᠣᠣᠷᠠᠬᠢ ᠮᠡᠲᠦ ᠳᠣᠲᠣᠭᠠᠳᠤ ᠪᠠᠶᠢᠭᠤᠯᠤᠮᠵᠢ ᠭᠠᠷᠭᠠᠨ᠎ᠠ᠄ | ︵ᠨᠢᠭᠡ︶ ᠠᠯᠪᠠᠨ ᠭᠡᠷ᠄ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠮᠡᠳᠡᠭᠡ ᠵᠠᠩᠭᠢ᠂ ᠰᠣᠨᠢᠨ ᠮᠡᠳᠡᠭᠡ ᠤᠬᠠᠭᠤᠯᠭ᠎ᠠ᠂ ᠠᠮᠤᠷ | ᠲᠦᠪᠰᠢᠨ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠯ᠂ ᠳᠠᠩᠰᠠ ᠡᠪᠬᠡᠮᠡᠯ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠮᠡᠳᠡᠭᠡ ᠵᠠᠩᠭᠢᠵᠢᠯᠲᠠ ᠶᠢᠨ | ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠪᠣᠯᠣᠨ ᠬᠠᠷᠢᠶ᠎ᠠ ᠨᠢᠭᠡᠴᠢ ᠶᠢᠨ ᠡᠳ᠋ ᠤᠨ ᠶᠠᠪᠤᠳᠠᠯ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ | ᠤᠯᠤᠰ ᠤᠨ ᠥᠮᠴᠢᠯᠡᠯᠲᠦ ᠡᠳ᠋ ᠬᠥᠷᠥᠩᠭᠡ ᠠᠰᠢᠭ ᠣᠷᠣᠯᠭ᠎ᠠ ᠶᠢ ᠬᠢᠨᠠᠨ ᠲᠤᠰᠢᠶᠠᠬᠤ ᠠᠵᠢᠯ ᠢ ᠡᠭᠦᠷᠭᠡᠯᠡᠨ᠎ᠡ᠃ | ︵ᠬᠤᠶᠠᠷ︶ ᠠᠵᠢᠯᠲᠠᠨ ᠤ ᠶᠠᠪᠤᠳᠠᠯ ᠤᠨ ᠭᠠᠵᠠᠷ᠄ ᠪᠠᠶᠢᠭᠤᠯᠭ᠎ᠠ ᠬᠢᠭᠡᠳ ᠬᠠᠷᠢᠶ᠎ᠠ ᠨᠢᠭᠡᠴᠢ ᠶᠢᠨ ᠢᠶᠠᠨ ᠺᠠᠳ᠋ᠷ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ | ᠪᠠᠶᠢᠭᠤᠯᠤᠮᠵᠢ ᠶᠢᠨ ᠣᠷᠣᠨ ᠲᠤᠭ᠎ᠠ᠂ ᠬᠥᠳᠡᠯᠮᠦᠷᠢ ᠴᠠᠯᠢᠩ᠂ ᠬᠥᠮᠦᠵᠢᠯ ᠪᠣᠯᠪᠠᠰᠤᠷᠠᠭᠤᠯᠤᠯ᠂ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠵᠡᠷᠭᠡ ᠠᠵᠢᠯ ᠢ | ᠡᠭᠦᠷᠭᠡᠯᠡᠨ᠎ᠡ︔ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠲᠤᠰᠬᠠᠶ ᠮᠡᠷᠭᠡᠵᠢᠯ ᠤᠨ ᠲᠤᠰᠢᠶᠠᠯ ᠳᠤ ᠰᠢᠯᠭᠠᠷᠠᠭᠤᠯᠤᠨ ᠤᠷᠢᠬᠤ ᠪᠠ ᠠᠵᠢᠯᠴᠢᠨ ᠤ ᠮᠡᠷᠭᠡᠵᠢᠯ ᠤᠨ | ᠵᠡᠷᠭᠡ ᠳᠡᠰ ᠢ ᠰᠢᠯᠭᠠᠨ ᠬᠢᠨᠠᠬᠤ ᠠᠵᠢᠯ ᠢ ᠬᠠᠷᠢᠭᠤᠴᠠᠨ᠎ᠠ᠃ | ︵ᠭᠤᠷᠪᠠ︶ ᠲᠥᠷᠥ ᠶᠢᠨ ᠪᠣᠳᠣᠯᠭ᠎ᠠ ᠰᠤᠳᠤᠯᠬᠤ ᠭᠠᠵᠠᠷ᠄ ᠲᠤᠰ ᠰᠠᠯᠠᠭ᠎ᠠ ᠮᠥᠴᠢᠷ ᠤᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ | ᠠᠵᠤ ᠠᠬᠤᠶ ᠶᠢᠨ ᠠᠵᠢᠯ ᠤᠨ ᠴᠢᠬᠤᠯᠠ ᠶᠡᠭᠡ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠳᠤ ᠪᠣᠳᠠᠲᠠᠶ ᠰᠠᠨᠠᠭᠤᠯᠭ᠎ᠠ ᠳᠤᠷᠠᠳᠬᠤ | ᠶᠢᠨ ᠬᠠᠮᠲᠤ ᠰᠢᠮᠳᠠᠭᠤᠯᠤᠨ ᠨᠠᠶᠢᠳᠠᠪᠤᠷᠢᠵᠢᠭᠤᠯᠤᠨ᠎ᠠ︔ ᠠᠵᠤ ᠠᠬᠤᠶ ᠨᠡᠶᠢᠭᠡᠮ᠂ ᠡᠳ᠋ ᠤᠨ ᠵᠠᠰᠠᠭ ᠤᠨ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ | ᠰᠤᠳᠤᠯᠵᠤ᠂ ᠡᠳ᠋ ᠤᠨ ᠵᠠᠰᠠᠭ ᠭᠠᠶᠢᠯᠢ ᠶᠢᠨ ᠥᠭᠡᠷᠡᠴᠢᠯᠡᠯᠲᠡ ᠪᠣᠯᠤᠨ ᠡᠳ᠋ ᠤᠨ ᠵᠠᠰᠠᠭ ᠭᠠᠶᠢᠯᠢ ᠶᠢᠨ ᠴᠢᠬᠤᠯᠠ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ | ᠳᠤᠷᠠᠳᠴᠤ᠂ ᠡᠳ᠋ ᠤᠨ ᠵᠠᠰᠠᠭ ᠠᠴᠠ ᠬᠠᠮᠢᠶ᠎ᠠ ᠪᠦᠬᠦᠢ ᠬᠦᠷᠢᠶᠡᠨ ᠤ ᠥᠭᠡᠷᠡᠴᠢᠯᠡᠯᠲᠡ ᠬᠥᠭᠵᠢᠯᠲᠡ ᠶᠢ ᠳᠡᠮᠵᠢᠬᠦ ᠰᠠᠨᠠᠭᠤᠯᠭ᠎ᠠ ᠳᠤᠷᠠᠳᠤᠨ᠎ᠠ︔ ᠣᠷᠣᠨ ᠪᠦᠰᠡ ᠶᠢᠨ | ᠬᠥᠭᠵᠢᠯᠲᠡ ᠶᠢᠨ ᠡᠳ᠋ ᠤᠨ ᠵᠠᠰᠠᠭ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ︔ ᠴᠢᠬᠤᠯᠠ ᠶᠡᠭᠡ ᠶᠡᠷᠦᠩᠬᠡᠶᠢᠯᠡᠭᠰᠡᠨ ᠴᠢᠨᠠᠷᠲᠠᠶ ᠡᠬᠡ ᠪᠢᠴᠢᠭ | ᠲᠤᠭᠤᠷᠪᠢᠬᠤ ᠶᠢ ᠬᠠᠷᠢᠭᠤᠴᠠᠨ᠎ᠠ᠃ | ︵ᠳᠦᠷᠪᠡ︶ ᠶᠡᠷᠦᠩᠬᠡᠶᠢᠯᠡᠭᠰᠡᠨ ᠭᠠᠵᠠᠷ᠄ ᠬᠤᠷᠸ᠎ᠠ ᠠᠵᠤ ᠠᠬᠤᠶ ᠶᠢᠨ ᠪᠠᠶᠢᠳᠠᠯ ᠢ ᠵᠠᠳᠠᠯᠤᠨ ᠲᠥᠰᠦᠭᠡᠯᠡᠬᠦ ᠶᠢᠨ ᠬᠠᠮᠲᠤ ᠬᠤᠷᠸ᠎ᠠ ᠲᠣᠬᠢᠷᠠᠭᠤᠯᠭ᠎ᠠ ᠡᠵᠡᠮᠰᠢᠯ | ᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ ᠳᠤᠮᠳᠠ ᠪᠠ ᠤᠷᠲᠤ ᠬᠤᠭᠤᠴᠠᠭᠠᠨ ᠤ ᠡᠳ᠋ ᠤᠨ ᠵᠠᠰᠠᠭ ᠤᠨ ᠲᠥᠯᠥᠪᠵᠢᠭᠦᠯᠭᠡ ᠶᠢᠨ ᠰᠠᠨᠠᠭᠤᠯᠭ᠎ᠠ | ᠳᠤᠷᠠᠳᠤᠨ᠎ᠠ︔ ᠣᠷᠣᠯᠭ᠎ᠠ ᠶᠢᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠪᠠ ᠥᠭᠡᠷᠡᠴᠢᠯᠡᠯᠲᠡ ᠶᠢᠨ ᠲᠥᠰᠦᠯ ᠢ ᠳᠤᠷᠠᠳᠤᠨ᠎ᠠ︔ ᠤᠯᠤᠰ | ᠤᠨ ᠥᠮᠴᠢᠯᠡᠯᠲᠦ ᠠᠵᠤ ᠠᠬᠤᠶᠢᠯᠠᠯ ᠤᠨ ᠴᠠᠯᠢᠩ ᠤᠨ ᠶᠡᠷᠦᠩᠬᠡᠶ ᠲᠤᠭ᠎ᠠ ᠶᠢ ᠲᠣᠭᠲᠠᠭᠠᠬᠤ ᠲᠣᠭᠲᠠᠴᠠ ᠪᠣᠯᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠬᠠᠷᠢᠭᠤᠴᠠᠯᠭᠠᠲᠠᠨ ᠤ ᠴᠠᠯᠢᠩ ᠬᠥᠯᠥᠰᠥ ᠶᠢᠨ ᠥᠭᠡᠷᠡᠴᠢᠯᠡᠯᠲᠡ ᠶᠢ ᠬᠠᠷᠢᠭᠤᠴᠠᠨ᠎ᠠ︔ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠠᠵᠠᠷ ᠰᠢᠷᠣᠶ᠂ | ᠠᠭᠤᠷᠬᠠᠶ ᠶᠢᠨ ᠭᠠᠷᠤᠯᠲᠠ ᠵᠡᠷᠭᠡ ᠤᠯᠤᠰ ᠤᠨ ᠥᠮᠴᠢᠯᠡᠯᠲᠦ ᠡᠬᠢ ᠪᠠᠶᠠᠯᠢᠭ ᠢ ᠰᠢᠯᠵᠢᠭᠦᠯᠬᠦ ᠣᠷᠣᠯᠭ᠎ᠠ ᠵᠠᠷᠤᠯᠭ᠎ᠠ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ | ᠲᠣᠭᠲᠠᠭᠠᠨ᠎ᠠ︔ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠦᠢᠯᠡᠴᠢᠯᠡᠭᠡᠨ ᠤ ᠳᠦᠷᠢᠮ ᠪᠠ ᠥᠭᠡᠷᠡᠴᠢᠯᠡᠯᠲᠡ ᠶᠢᠨ ᠲᠥᠰᠦᠯ ᠢ ᠲᠤᠭᠤᠷᠪᠢᠨ | ᠲᠣᠭᠲᠠᠭᠠᠨ᠎ᠠ︔ ᠰᠤᠭᠤᠯᠤᠭ᠎ᠠ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ︔ ᠠᠯᠪᠠᠲᠠᠨ ᠤ ᠨᠡᠮᠡᠭᠦᠷᠢ ᠨᠥᠬᠦᠪᠥᠷᠢ ᠶᠢ ᠢᠯᠭᠠᠷᠠᠭᠤᠯᠤᠨ | ᠵᠢᠷᠤᠮᠵᠢᠭᠤᠯᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠫᠢᠶᠣᠣ ᠪᠠᠷᠢᠮᠲᠠ ᠶᠢ ᠬᠠᠮᠢᠶᠠᠷᠤᠨ᠎ᠠ᠃ | ︵ᠲᠠᠪᠤ︶ ᠬᠠᠤᠯᠢ ᠳᠦᠷᠢᠮ ᠤᠨ ᠭᠠᠵᠠᠷ᠄ ᠡᠳ᠋ ᠤᠨ ᠵᠠᠰᠠᠭ ᠤᠨ ᠰᠢᠰᠲ᠋ᠧᠮ ᠤᠨ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠠᠵᠢᠯ ᠢ | ᠬᠠᠷᠢᠭᠤᠴᠠᠨ᠎ᠠ︔ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠵᠤ ᠪᠦᠷᠢᠨᠰᠢᠭᠦᠯᠬᠦ ᠰᠠᠨᠠᠭᠤᠯᠭ᠎ᠠ ᠶᠢ ᠰᠤᠳᠤᠯᠤᠨ | ᠳᠤᠷᠠᠳᠤᠨ᠎ᠠ︔ ᠪᠠᠶᠢᠭᠤᠯᠭ᠎ᠠ ᠶᠢᠨ ᠬᠤᠯᠪᠣᠭᠳᠠᠯ ᠪᠦᠬᠦᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ | ᠳᠠᠩᠰᠠᠯᠬᠤ ᠠᠵᠢᠯ ᠢ ᠡᠭᠦᠷᠭᠡᠯᠡᠨ᠎ᠡ︔ ᠡᠳ᠋ ᠤᠨ ᠵᠠᠰᠠᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ᠂ ᠬᠠᠤᠯᠢ ᠴᠠᠭᠠᠵᠠ ᠶᠢᠨ ᠪᠢᠴᠢᠭ | ᠬᠠᠷ᠎ᠠ ᠶᠢᠨ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠪᠠ ᠭᠤᠤᠯᠴᠢ ᠥᠷᠢᠰᠥᠯᠳᠦᠭᠡᠨ ᠢ ᠬᠢᠨᠠᠨ ᠪᠠᠶᠢᠴᠠᠭᠠᠬᠤ ᠠᠵᠢᠯ ᠢ ᠡᠭᠦᠷᠭᠡᠯᠡᠨ᠎ᠡ︔ ᠡᠳ᠋ ᠤᠨ ᠵᠠᠰᠠᠭ | ᠤᠨ ᠬᠠᠤᠯᠢ ᠲᠦᠭᠡᠮᠡᠯᠵᠢᠭᠦᠯᠬᠦ ᠠᠵᠢᠯ ᠢ ᠵᠣᠬᠢᠶᠠᠨ ᠪᠠᠶᠢᠭᠤᠯᠤᠨ᠎ᠠ︔ ᠬᠦᠨᠳᠦ ᠶᠡᠭᠡ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠭᠡᠷᠡᠴᠢᠯᠡᠭᠡ ᠰᠣᠨᠣᠰᠬᠤ᠂ | ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ ᠡᠭᠦᠷᠭᠡᠯᠡᠨ᠎ᠡ᠃ | ︵ᠵᠢᠷᠭᠤᠭ᠎ᠠ︶ ᠭᠠᠶᠢᠯᠢ ᠶᠢᠨ ᠶᠠᠪᠤᠳᠠᠯ ᠤᠨ ᠭᠠᠵᠠᠷ᠄ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠭᠠᠶᠢᠯᠢ ᠲᠠᠲᠠᠪᠤᠷᠢ ᠶᠢᠨ ᠲᠥᠷᠥ ᠶᠢᠨ | ᠪᠣᠳᠣᠯᠭ᠎ᠠ ᠵᠢᠴᠢ ᠲᠣᠬᠢᠷᠠᠭᠤᠯᠤᠯᠲᠠ ᠶᠢᠨ ᠲᠥᠰᠦᠯ ᠢ ᠲᠤᠭᠤᠷᠪᠢᠨ ᠲᠣᠭᠲᠠᠭᠠᠵᠤ᠂ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢ ᠪᠦᠷᠢᠨᠰᠢᠭᠦᠯᠬᠦ ᠰᠠᠨᠠᠯ | ᠰᠠᠨᠠᠭᠤᠯᠭ᠎ᠠ ᠳᠤᠷᠠᠳᠤᠨ᠎ᠠ︔ ᠡᠷᠬᠡ ᠮᠡᠳᠡᠯ ᠢᠶᠠᠷ ᠢᠶᠠᠨ ᠣᠷᠣᠨ ᠨᠤᠲᠤᠭ ᠤᠨ ᠭᠠᠶᠢᠯᠢ ᠶᠢ ᠬᠠᠰᠤᠵᠤ ᠬᠡᠯᠲᠦᠷᠢᠭᠦᠯᠬᠦ ᠪᠠ ᠭᠠᠶᠢᠯᠢ ᠶᠢᠨ ᠨᠣᠷᠮ᠎ᠠ ᠶᠢ ᠲᠣᠬᠢᠷᠠᠭᠤᠯᠬᠤ | ᠠᠵᠢᠯ ᠢ ᠮᠡᠳᠡᠭᠦᠯᠦᠨ ᠵᠥᠪᠰᠢᠶᠡᠷᠡᠭᠦᠯᠦᠨ᠎ᠡ︔ ᠭᠠᠶᠢᠯᠢ ᠶᠢᠨ ᠪᠤᠰᠤ ᠣᠷᠣᠯᠭ᠎ᠠ ᠶᠢᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ | ᠲᠤᠰ ᠱᠠᠲᠤᠨ ᠤ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢ ᠡᠭᠦᠷᠭᠡᠯᠡᠨ᠎ᠡ︔ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠭᠠᠶᠢᠯᠢ ᠶᠢᠨ | ᠪᠤᠰᠤ ᠣᠷᠣᠯᠭ᠎ᠠ ᠶᠢᠨ ᠲᠥᠷᠥᠯ ᠵᠦᠢᠯ ᠤᠨ ᠬᠥᠮᠥᠷᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ | ᠰᠦᠢᠳᠬᠡᠯ ᠬᠤᠷᠢᠶᠠᠬᠤ ᠶᠢ ᠢᠯᠭᠠᠷᠠᠭᠤᠯᠤᠨ ᠵᠢᠷᠤᠮᠵᠢᠭᠤᠯᠬᠤ ᠶᠢ ᠬᠠᠷᠢᠭᠤᠴᠠᠨ᠎ᠠ︔ ᠠᠰᠢᠭ ᠬᠤᠨᠵᠢᠪᠤᠷᠢ ᠶᠢᠨ ᠪᠤᠰᠤ ᠵᠣᠬᠢᠶᠠᠨ ᠪᠠᠶᠢᠭᠤᠯᠤᠯᠲᠠ ᠵᠡᠷᠭᠡ ᠶᠢᠨ ᠭᠠᠶᠢᠯᠢ | ᠬᠡᠯᠲᠦᠷᠢᠭᠦᠯᠬᠦ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃ | ︵ᠲᠤᠯᠤᠭ᠎ᠠ︶ ᠲᠥᠰᠦᠪ ᠤᠨ ᠭᠠᠵᠠᠷ᠄ ᠡᠳ᠋ ᠤᠨ ᠵᠠᠰᠠᠭ ᠤᠨ ᠲᠦᠷᠦ ᠶᠢᠨ ᠪᠤᠳᠦᠯᠭ᠎ᠠ᠂ ᠡᠳ᠋ ᠤᠨ ᠵᠠᠰᠠᠭ ᠤᠨ ᠪᠠᠶᠢᠭᠤᠯᠤᠯ᠂ ᠲᠥᠰᠦᠪ ᠤᠨ ᠬᠠᠮᠢᠶᠠᠷᠤᠯᠲᠠ | ᠶᠢᠨ ᠲᠦᠷᠢᠮ ᠢ ᠲᠤᠭᠤᠷᠪᠢᠨ ᠲᠣᠭᠲᠠᠭᠠᠵᠤ᠂ ᠳᠤᠮᠳᠠ ᠬᠤᠭᠤᠴᠠᠭᠠᠨ ᠤ ᠡᠳ᠋ ᠤᠨ ᠵᠠᠰᠠᠭ ᠤᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠨ᠎ᠠ︔ | ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠣᠨ ᠤ ᠲᠥᠰᠦᠪ ᠪᠠ ᠲᠥᠰᠦᠪ ᠤᠨ ᠭᠦᠶᠴᠡᠳᠬᠡᠯ ᠤᠨ ᠲᠥᠰᠦᠯ ᠪᠠ ᠲᠥᠰᠦᠪ ᠤᠨ ᠲᠣᠬᠢᠷᠠᠭᠤᠯᠤᠯᠲᠠ ᠶᠢᠨ | ᠲᠥᠰᠦᠯ ᠢ ᠨᠠᠶᠢᠷᠠᠭᠤᠯᠤᠨ ᠵᠣᠬᠢᠶᠠᠨ᠎ᠠ︔ ᠪᠦᠬᠦ ᠣᠷᠣᠨ ᠤ ᠡᠳ᠋ ᠤᠨ ᠵᠠᠰᠠᠭ ᠤᠨ ᠣᠨ ᠤ ᠲᠥᠰᠦᠪ ᠢ ᠬᠤᠷᠢᠶᠠᠩᠭᠤᠶᠢᠯᠠᠬᠤ︔ ᠥᠪᠡᠷᠲᠡᠭᠡᠨ ᠵᠠᠰᠠᠬᠤ ᠣᠷᠣᠨ ᠤ | ᠲᠤᠰ ᠱᠠᠲᠤᠨ ᠤ ᠡᠩ ᠤᠨ ᠣᠯᠠᠨ ᠨᠡᠶᠢᠲᠡ ᠶᠢᠨ ᠲᠥᠰᠦᠪ᠂ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠲᠥᠰᠦᠪ᠂ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠡᠵᠡᠩᠨᠡᠯᠲᠡ ᠶᠢᠨ ᠲᠥᠰᠦᠪ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ ᠢ ᠨᠠᠶᠢᠷᠠᠭᠤᠯᠤᠨ ᠵᠣᠬᠢᠶᠠᠬᠤ᠂ ᠬᠢᠨᠠᠨ ᠬᠠᠷᠭᠤᠭᠤᠯᠬᠤ | ᠵᠡᠷᠭᠡ ᠠᠵᠢᠯ ᠢ ᠵᠣᠬᠢᠶᠠᠨ ᠪᠠᠶᠢᠭᠤᠯᠤᠨ᠎ᠠ︔ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠰᠠᠯᠠᠭ᠎ᠠ ᠮᠥᠴᠢᠷ ᠤᠨ ᠵᠠᠷᠤᠯᠭ᠎ᠠ ᠶᠢᠨ ᠪᠠᠷᠢᠮᠵᠢᠶ᠎ᠠ ᠶᠢᠨ | ᠰᠢᠰᠲ᠋ᠧᠮ ᠤᠨ ᠪᠠᠶᠢᠭᠤᠯᠤᠯᠲᠠ ᠵᠢᠴᠢ ᠲᠥᠷᠥᠯ ᠵᠦᠶᠯ ᠤᠨ ᠬᠥᠮᠥᠷᠭᠡ ᠶᠢᠨ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ᠎ᠠ︔ ᠡᠳ᠋ ᠤᠨ ᠵᠠᠰᠠᠭ ᠤᠨ | ᠰᠢᠯᠵᠢᠭᠦᠯᠦᠨ ᠥᠭᠬᠦ ᠪᠠ ᠵᠢᠯ ᠤᠨ ᠡᠴᠦᠰ ᠤᠨ ᠲᠠᠰᠤᠯᠤᠨ ᠪᠤᠳᠤᠬᠤ ᠠᠵᠢᠯ ᠢ ᠡᠭᠦᠷᠭᠡᠯᠡᠨ᠎ᠡ︔ ᠴᠡᠷᠢᠭ ᠠᠩᠭᠢ᠂ ᠵᠡᠪᠰᠡᠭᠲᠦ ᠴᠠᠭᠳᠠᠭ᠎ᠠ ᠵᠡᠷᠭᠡ ᠲᠠᠯ᠎ᠠ ᠶᠢᠨ ᠲᠥᠰᠦᠪ | ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ | ︵ᠨᠠᠢᠮᠠ︶ ᠤᠯᠤᠰ ᠤᠨ ᠬᠥᠮᠥᠷᠭᠡ ᠶᠢᠨ ᠭᠠᠵᠠᠷ᠄ ᠲᠥᠰᠦᠪ ᠢ ᠭᠦᠢᠴᠡᠳᠬᠡᠬᠦ᠂ ᠬᠢᠨᠠᠨ ᠡᠵᠡᠮᠳᠡᠬᠦ ᠵᠢᠴᠢ ᠵᠠᠳᠠᠯᠤᠨ ᠲᠥᠰᠦᠭᠡᠯᠡᠬᠦ ᠠᠵᠢᠯ ᠢ ᠵᠣᠬᠢᠶᠠᠨ | ᠪᠠᠶᠢᠭᠤᠯᠤᠨ᠎ᠠ︔ ᠡᠳ᠋ ᠤᠨ ᠵᠠᠰᠠᠭ ᠤᠨ ᠶᠡᠷᠦᠩᠬᠡᠢ ᠲᠥᠰᠦᠪ ᠤᠨ ᠨᠢᠭᠲᠠᠯᠠᠨ ᠪᠤᠳᠤᠬᠤ ᠲᠦᠷᠢᠮ ᠢ ᠲᠤᠭᠤᠷᠪᠢᠨ ᠲᠣᠭᠲᠠᠭᠠᠨ᠎ᠠ︔ ᠤᠯᠤᠰ ᠤᠨ ᠬᠥᠮᠥᠷᠭᠡ ᠶᠢᠨ | ᠬᠠᠮᠢᠶᠠᠷᠤᠯᠲᠠ ᠪᠠ ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠬᠤᠷᠢᠶᠠᠬᠤ ᠪᠠ ᠣᠯᠭᠤᠬᠤ ᠲᠦᠷᠢᠮ ᠢ ᠵᠣᠬᠢᠶᠠᠨ ᠪᠠᠶᠢᠭᠤᠯᠵᠤ ᠲᠤᠭᠤᠷᠪᠢᠨ ᠲᠣᠭᠲᠠᠭᠠᠨ᠎ᠠ︔ | ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠲᠥᠰᠦᠪ ᠤᠨ ᠪᠡᠯᠡ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠶᠡᠷᠦᠩᠬᠡᠶ ᠨᠢᠭᠲᠠᠯᠠᠨ ᠪᠣᠳᠣᠯᠲᠠ ᠶᠢᠨ ᠬᠢᠨᠠᠨ | ᠪᠣᠳᠣᠬᠤ ᠶᠢ ᠬᠠᠷᠢᠭᠤᠴᠠᠨ᠎ᠠ︔ ᠡᠳ᠋ ᠤᠨ ᠵᠠᠰᠠᠭ ᠪᠣᠯᠤᠨ ᠲᠥᠰᠦᠪ ᠤᠨ ᠨᠢᠭᠡᠴᠢ ᠶᠢᠨ ᠳᠠᠩᠰᠨ ᠡᠷᠦᠬᠡ ᠶᠢ ᠬᠠᠮᠢᠶᠠᠷᠴᠤ᠂ ᠥᠪᠡᠷᠲᠡᠭᠡᠨ ᠵᠠᠰᠠᠬᠤ ᠣᠷᠣᠨ ᠤ ᠲᠤᠰ | ᠱᠠᠲᠤᠨ ᠤ ᠬᠢ ᠪᠠ ᠪᠦᠬᠦ ᠣᠷᠣᠨ ᠤ ᠵᠠᠰᠠᠭ ᠤᠨ ᠣᠷᠳᠣᠨ ᠤ ᠶᠡᠷᠦᠩᠬᠡᠶᠢᠯᠡᠭᠰᠡᠨ ᠡᠳ᠋ ᠤᠨ ᠶᠠᠪᠤᠳᠠᠯ ᠤᠨ ᠮᠡᠳᠡᠭᠦᠯᠦᠯᠲᠡ᠂ ᠡᠳ᠋ ᠤᠨ ᠵᠠᠰᠠᠭ ᠤᠨ ᠶᠡᠷᠦᠩᠬᠡᠶ ᠲᠥᠰᠦᠪ | ᠤᠨ ᠭᠦᠢᠴᠡᠳᠬᠡᠯ ᠵᠢᠴᠢ ᠰᠠᠯᠠᠭ᠎ᠠ ᠮᠥᠴᠢᠷ ᠤᠨ ᠲᠥᠰᠦᠪ ᠤᠨ ᠭᠦᠢᠴᠡᠳᠬᠡᠯ ᠢ ᠨᠠᠶᠢᠷᠠᠭᠤᠯᠤᠨ ᠵᠣᠬᠢᠶᠠᠵᠤ ᠬᠤᠷᠢᠶᠠᠩᠭᠤᠶᠢᠯᠠᠬᠤ ᠶᠢ ᠬᠠᠷᠢᠭᠤᠴᠠᠨ᠎ᠠ︔ ᠤᠯᠤᠰ ᠤᠨ | ᠬᠥᠮᠥᠷᠭᠡ ᠶᠢᠨ ᠪᠡᠯᠡᠨ ᠵᠣᠭᠤᠰ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ︔ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢ | ᠤᠯᠤᠰ ᠤᠨ ᠬᠥᠮᠥᠷᠭᠡ ᠠᠴᠠ ᠲᠥᠪᠯᠡᠷᠡᠭᠦᠯᠦᠨ ᠬᠤᠷᠢᠶᠠᠨ ᠲᠤᠰᠢᠶᠠᠬᠤ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ︵ᠶᠢᠰᠦ︶ ᠥᠭᠴᠡᠭᠡᠨ ᠤ ᠶᠠᠪᠤᠳᠠᠯ ᠤᠨ ᠬᠠᠮᠢᠶᠠᠷᠤᠯᠲᠠ ᠶᠢᠨ ᠭᠠᠵᠠᠷ᠄ ᠣᠷᠣᠨ ᠨᠤᠲᠤᠭ ᠤᠨ ᠵᠠᠰᠠᠭ ᠤᠨ ᠣᠷᠳᠣᠨ ᠤ ᠥᠭᠴᠡᠭᠡᠨ ᠤ ᠶᠠᠪᠤᠳᠠᠯ ᠤᠨ | ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠨ᠎ᠠ︔ ᠣᠷᠣᠨ ᠨᠤᠲᠤᠭ ᠤᠨ ᠵᠠᠰᠠᠭ ᠤᠨ ᠣᠷᠳᠣᠨ ᠤ ᠴᠢᠨᠠᠷᠲᠠᠢ ᠥᠭᠴᠡᠭᠡ ᠶᠢᠨ ᠬᠢᠵᠠᠭᠠᠷ ᠲᠤᠭ᠎ᠠ ᠶᠢᠨ | ᠬᠠᠮᠢᠶᠠᠷᠤᠯᠲᠠ ᠪᠠ ᠲᠥᠰᠦᠪ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ︔ ᠣᠷᠣᠨ ᠨᠤᠲᠤᠭ ᠤᠨ ᠵᠠᠰᠠᠭ ᠤᠨ ᠣᠷᠳᠣᠨ ᠤ ᠥᠭᠴᠡᠭᠡ᠂ ᠥᠷᠢ ᠲᠦᠯᠦᠬᠦ ᠪᠡᠯᠡ | ᠮᠥᠩᠭᠦ ᠶᠢ ᠲᠤᠬᠢᠷᠠᠭᠤᠯᠬᠤ ᠰᠠᠨᠠᠭᠤᠯᠭ᠎ᠠ ᠳᠤᠷᠠᠳᠤᠨ᠎ᠠ︔ ᠣᠷᠣᠨ ᠨᠤᠲᠤᠭ ᠤᠨ ᠵᠠᠰᠠᠭ ᠤᠨ ᠣᠷᠳᠣᠨ ᠤ ᠴᠢᠨᠠᠷᠲᠠᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ | ᠡᠵᠡᠮᠳᠡᠬᠦ ᠵᠢᠴᠢ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ︔ ᠣᠷᠣᠨ ᠨᠤᠲᠤᠭ ᠤᠨ ᠵᠠᠰᠠᠭ ᠤᠨ ᠣᠷᠳᠣᠨ ᠤ ᠴᠢᠨᠠᠷᠲᠠᠶ | ᠥᠭᠴᠡᠭᠡ ᠶᠢᠨ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ | ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ︔ ᠤᠯᠤᠰ ᠤᠨ ᠵᠢᠭᠡᠯᠡᠯᠭᠡ ᠶᠢᠨ ᠪᠡᠯᠡ ᠮᠥᠩᠭᠦ᠂ ᠭᠠᠳᠠᠭᠠᠳᠤ ᠤᠯᠤᠰ ᠤᠨ ᠵᠠᠰᠠᠭ ᠤᠨ ᠣᠷᠳᠣᠨ ᠤ | ᠴᠢᠨᠠᠷᠲᠠᠶ ᠵᠢᠭᠡᠯᠡᠯᠭᠡ ᠵᠡᠷᠭᠡ ᠥᠭᠴᠡᠭᠡᠨ ᠤ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠠᠶᠢᠮᠠᠭ ᠬᠤᠲᠠ ᠶᠢᠨ ᠥᠭᠴᠡᠭᠡᠨ ᠤ ᠶᠠᠪᠤᠳᠠᠯ ᠤᠨ | ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ | ︵ᠠᠷᠪᠠ︶ ᠵᠠᠰᠠᠭ ᠵᠠᠬᠢᠷᠭᠠᠨ ᠤ ᠭᠠᠵᠠᠷ᠄ ᠵᠠᠰᠠᠭ ᠵᠠᠬᠢᠷᠭᠠᠨ ᠤ ᠲᠠᠯ᠎ᠠ ᠶᠢᠨ ᠰᠠᠯᠠᠭ᠎ᠠ ᠮᠥᠴᠢᠷ ᠤᠨ ᠲᠥᠰᠦᠪ ᠪᠠ ᠬᠠᠮᠢᠶ᠎ᠠ ᠪᠦᠬᠦᠢ ᠬᠦᠷᠢᠶᠡᠨ ᠤ ᠲᠥᠰᠦᠪ ᠤᠨ | ᠵᠠᠷᠤᠯᠭ᠎ᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠬᠠᠮᠢᠶ᠎ᠠ ᠪᠦᠬᠦᠢ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ︔ | ᠠᠯᠪᠠᠨ ᠶᠠᠪᠤᠳᠠᠯ ᠤᠨ ᠵᠠᠷᠤᠯᠭ᠎ᠠ ᠶᠢᠨ ᠳᠦᠷᠢᠮ ᠤᠨ ᠰᠢᠰᠲ᠋ᠧᠮ ᠤᠨ ᠪᠠᠶᠢᠭᠤᠯᠤᠯᠲᠠ ᠶᠢ ᠬᠠᠷᠢᠭᠤᠴᠠᠨ᠎ᠠ︔ ᠬᠠᠮᠢᠶ᠎ᠠ ᠪᠦᠬᠦᠢ ᠲᠤᠰᠬᠠᠶ ᠪᠡᠯᠡ ᠮᠥᠩᠭᠦ ᠶᠢᠨ | ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ᠎ᠠ᠃ | ︵ᠠᠷᠪᠠᠨ ᠨᠢᠭᠡ︶ ᠤᠯᠤᠰ ᠲᠥᠷᠥ ᠬᠠᠤᠯᠢ ᠴᠠᠭᠠᠵᠠ ᠶᠢᠨ ᠭᠠᠵᠠᠷ᠄ ᠤᠯᠤᠰ ᠲᠥᠷᠥ ᠬᠠᠤᠯᠢ ᠴᠠᠭᠠᠵᠠ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ | ᠲᠥᠰᠦᠪ ᠤᠨ ᠬᠠᠮᠢᠶᠠᠷᠤᠯᠲᠠ ᠪᠠ ᠬᠠᠮᠢᠶ᠎ᠠ ᠪᠥᠬᠦᠶ ᠬᠦᠷᠢᠶᠡᠨ ᠤ ᠲᠥᠰᠦᠪ ᠤᠨ ᠵᠠᠷᠤᠯᠭ᠎ᠠ ᠶᠢᠨ ᠠᠵᠢᠯ ᠢ ᠡᠭᠦᠷᠭᠡᠯᠡᠵᠦ᠂ ᠬᠠᠮᠢᠶ᠎ᠠ ᠪᠥᠬᠦᠶ ᠡᠳ᠋ ᠤᠨ ᠵᠠᠰᠠᠭ ᠤᠨ ᠲᠥᠷᠥ | ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ︔ ᠤᠯᠤᠰ ᠲᠥᠷᠥ ᠬᠠᠤᠯᠢ ᠴᠠᠭᠠᠵᠠ ᠶᠢᠨ ᠰᠢᠯᠵᠢᠭᠦᠯᠦᠨ ᠥᠭᠬᠦ ᠪᠡᠯᠡ ᠮᠥᠩᠭᠦ᠂ ᠲᠤᠰᠬᠠᠶ ᠪᠡᠯᠡ ᠮᠥᠩᠭᠦ ᠶᠢ | ᠬᠠᠮᠢᠶᠠᠷᠬᠤ ᠶᠢ ᠬᠠᠷᠢᠭᠤᠴᠠᠬᠤ ᠶᠢᠨ ᠬᠠᠮᠢᠶ᠎ᠠ ᠪᠦᠬᠦᠢ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠨ᠎ᠠ︔ ᠬᠠᠤᠯᠢ ᠬᠡᠷᠡᠭᠵᠢᠭᠦᠯᠬᠦ ᠳᠤ ᠬᠡᠷᠡᠭᠯᠡᠬᠦ ᠲᠡᠷᠭᠡ | ᠪᠣᠯᠤᠨ ᠣᠨᠴᠠ ᠲᠥᠷᠥᠯ ᠤᠨ ᠲᠤᠰᠬᠠᠶ ᠮᠡᠷᠭᠡᠵᠢᠯ ᠤᠨ ᠬᠡᠷᠡᠭᠯᠡᠬᠦ ᠲᠡᠷᠭᠡ ᠶᠢᠨ ᠣᠷᠣᠨ ᠲᠤᠭ᠎ᠠ ᠶᠢ ᠬᠢᠨᠠᠨ ᠲᠣᠭᠲᠠᠭᠠᠬᠤ ᠵᠢᠴᠢ ᠲᠣᠬᠢᠷᠠᠭᠤᠯᠤᠨ ᠬᠡᠷᠡᠭᠯᠡᠬᠦ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠬᠡᠷᠡᠭ ᠲᠤ ᠬᠤᠯᠪᠣᠭᠳᠠᠭᠰᠠᠨ ᠵᠣᠭᠤᠰ ᠮᠥᠩᠭᠦ ᠡᠳ᠋ ᠪᠣᠳᠠᠰ ᠤᠨ ᠬᠠᠮᠢᠶᠠᠷᠤᠯᠲᠠ ᠪᠠ ᠰᠢᠶᠳᠪᠦᠷᠢᠯᠡᠬᠦ ᠠᠵᠢᠯ ᠳᠤ | ᠬᠢᠨᠠᠯᠲᠠ ᠲᠠᠯᠪᠢᠬᠤ ᠶᠢ ᠬᠠᠷᠢᠭᠤᠴᠠᠨ᠎ᠠ᠃ | ︵ᠠᠷᠪᠠᠨ ᠬᠤᠶᠠᠷ︶ ᠰᠤᠷᠭᠠᠨ ᠬᠥᠮᠦᠵᠢᠯ ᠤᠨ ᠭᠠᠵᠠᠷ᠄ ᠰᠤᠷᠭᠠᠨ ᠬᠥᠮᠦᠵᠢᠯ᠂ ᠶᠡᠭᠡ ᠳᠡᠭᠡᠳᠦ ᠰᠤᠷᠭᠠᠭᠤᠯᠢ ᠵᠡᠷᠭᠡ ᠲᠠᠯ᠎ᠠ ᠶᠢᠨ ᠰᠠᠯᠠᠭ᠎ᠠ ᠮᠥᠴᠢᠷ ᠤᠨ | ᠲᠥᠰᠦᠪ ᠪᠣᠯᠤᠨ ᠬᠠᠮᠢᠶ᠎ᠠ ᠪᠦᠬᠦᠢ ᠬᠦᠷᠢᠶᠡᠨ ᠤ ᠲᠥᠰᠦᠪ ᠤᠨ ᠵᠠᠷᠤᠯᠭ᠎ᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠬᠠᠮᠢᠶ᠎ᠠ ᠪᠦᠬᠦᠢ ᠡᠳ᠋ ᠤᠨ ᠵᠠᠰᠠᠭ ᠤᠨ | ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ︔ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ᠂ | ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ ᠵᠡᠷᠭᠡ ᠪᠡᠯᠡ ᠮᠥᠩᠭᠦ ᠶᠢᠨ ᠵᠠᠷᠤᠯᠭ᠎ᠠ ᠶᠢᠨ ᠲᠥᠰᠦᠪ ᠢ ᠬᠠᠮᠢᠶᠠᠷᠬᠤ ᠶᠢ ᠬᠠᠷᠢᠭᠤᠴᠠᠨ᠎ᠠ︔ ᠡᠩ ᠤᠨ ᠣᠯᠠᠨ | ᠨᠡᠶᠢᠲᠡ ᠶᠢᠨ ᠲᠥᠰᠦᠪ ᠤᠨ ᠬᠠᠮᠢᠶᠠᠷᠤᠯᠲᠠ ᠳᠤ ᠣᠷᠣᠭᠤᠯᠤᠭᠠᠳᠤᠶ ᠰᠤᠷᠭᠠᠨ ᠬᠥᠮᠦᠵᠢᠯ ᠤᠨ ᠰᠦᠶᠳᠬᠡᠯ ᠬᠤᠷᠢᠶᠠᠬᠤ ᠵᠠᠷᠤᠯᠭ᠎ᠠ ᠶᠢᠨ ᠬᠠᠮᠢᠶᠠᠷᠤᠯᠲᠠ ᠵᠡᠷᠭᠡ ᠠᠵᠢᠯ ᠢ | ᠡᠭᠦᠷᠭᠡᠯᠡᠨ᠎ᠡ᠃ | ︵ᠠᠷᠪᠠᠨ ᠭᠤᠷᠪᠠ︶ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠤᠨ ᠭᠠᠵᠠᠷ᠄ ᠤᠬᠠᠭᠤᠯᠭ᠎ᠠ᠂ ᠰᠣᠶᠣᠯ ᠪᠣᠯᠤᠨ ᠵᠢᠭᠤᠯᠴᠢᠯᠠᠯ᠂ ᠰᠢᠨᠵᠢᠯᠡᠬᠦ ᠤᠬᠠᠭᠠᠨ ᠮᠡᠷᠭᠡᠵᠢᠯ᠂ | ᠪᠡᠶ᠎ᠡ ᠶᠢᠨ ᠲᠠᠮᠢᠷ ᠵᠡᠷᠭᠡ ᠲᠠᠯ᠎ᠠ ᠶᠢᠨ ᠰᠠᠯᠠᠭ᠎ᠠ ᠮᠥᠴᠢᠷ ᠤᠨ ᠲᠥᠰᠦᠪ ᠪᠣᠯᠤᠨ ᠬᠠᠮᠢᠶ᠎ᠠ ᠪᠦᠬᠦᠢ ᠬᠦᠷᠢᠶᠡᠨ ᠤ ᠲᠥᠰᠦᠪ ᠤᠨ ᠵᠠᠷᠤᠯᠭ᠎ᠠ ᠶᠢᠨ ᠬᠤᠯᠪᠣᠭᠳᠠᠯ ᠪᠦᠬᠦᠢ | ᠠᠵᠢᠯ ᠢ ᠡᠭᠦᠷᠭᠡᠯᠡᠵᠦ᠂ ᠬᠠᠮᠢᠶ᠎ᠠ ᠪᠦᠬᠦᠢ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ︔ ᠬᠠᠮᠢᠶ᠎ᠠ ᠪᠦᠬᠦᠢ ᠪᠡᠯᠡ ᠮᠥᠩᠭᠦ ᠶᠢᠨ | ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠣᠭᠲᠠᠭᠠᠨ᠎ᠠ᠃ | ︵ᠠᠷᠪᠠᠨ ᠳᠥᠷᠪᠡ︶ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠭᠠᠵᠠᠷ᠄ ᠬᠥᠭᠵᠢᠭᠦᠯᠦᠯᠲᠡ ᠥᠭᠡᠷᠡᠴᠢᠯᠡᠯᠲᠡ᠂ ᠵᠠᠮ ᠬᠠᠷᠢᠯᠴᠠᠭ᠎ᠠ ᠲᠡᠭᠡᠭᠡᠪᠦᠷᠢ᠂ | ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠶᠢᠨ ᠰᠠᠯᠠᠭ᠎ᠠ ᠮᠥᠴᠢᠷ ᠤᠨ ᠲᠥᠰᠦᠪ ᠪᠣᠯᠤᠨ ᠬᠠᠮᠢᠶ᠎ᠠ ᠪᠦᠬᠦᠢ ᠬᠦᠷᠢᠶᠡᠨ ᠤ | ᠲᠥᠰᠦᠪ ᠤᠨ ᠵᠠᠷᠤᠯᠭ᠎ᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠬᠠᠮᠢᠶ᠎ᠠ ᠪᠦᠬᠦᠢ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ | ᠳᠤᠷᠠᠳᠤᠨ᠎ᠠ︔ ᠥᠪᠡᠷᠲᠡᠭᠡᠨ ᠵᠠᠰᠠᠬᠤ ᠣᠷᠣᠨ ᠤ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠲᠤᠭᠤᠷᠪᠢᠨ | ᠲᠣᠭᠲᠠᠭᠠᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠲᠥᠰᠦᠪ ᠤᠨ ᠳᠣᠲᠣᠷᠠᠬᠢ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ | ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠣᠷᠣᠨ ᠰᠠᠭᠤᠴᠠ ᠶᠢᠨ ᠥᠭᠡᠷᠡᠴᠢᠯᠡᠯᠲᠡ ᠶᠢᠨ ᠪᠡᠯᠡ ᠮᠥᠩᠭᠦ ᠪᠣᠯᠤᠨ ᠬᠤᠲᠠ ᠪᠠᠯᠭᠠᠰᠤ᠂ | ᠬᠥᠳᠡᠭᠡ ᠲᠣᠰᠬᠤᠨ ᠤ ᠡᠯ᠎ᠡ ᠲᠥᠷᠥᠯ ᠤᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠡᠯᠡ ᠮᠥᠩᠭᠦ ᠶᠢ ᠬᠠᠮᠢᠶᠠᠷᠤᠨ᠎ᠠ︔ ᠥᠪᠡᠷᠲᠡᠭᠡᠨ ᠵᠠᠰᠠᠬᠤ ᠣᠷᠣᠨ ᠤ | ᠴᠢᠬᠤᠯᠠ ᠶᠡᠭᠡ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠠᠭᠤᠷᠢ ᠮᠥᠩᠭᠦ ᠶᠢ ᠬᠠᠮᠢᠶᠠᠷᠤᠨ᠎ᠠ᠃ | ︵ᠠᠷᠪᠠᠨ ᠲᠠᠪᠤ︶ ᠠᠵᠤ ᠠᠬᠤᠶ ᠠᠷᠠᠯᠵᠢᠶᠠᠨ ᠤ ᠭᠠᠵᠠᠷ᠄ ᠠᠷᠠᠯᠵᠢᠶ᠎ᠠ ᠬᠤᠳᠠᠯᠳᠤᠭ᠎ᠠ᠂ ᠪᠣᠭᠤᠮᠲᠠ᠂ ᠠᠮᠤ ᠪᠤᠳᠠᠭ᠎ᠠ ᠪᠣᠯᠤᠨ ᠡᠳ᠋ ᠪᠠᠷᠠᠭ᠎ᠠ ᠨᠥᠭᠡᠴᠡᠯᠡᠬᠦ ᠵᠡᠷᠭᠡ | ᠲᠠᠯ᠎ᠠ ᠶᠢᠨ ᠰᠠᠯᠠᠭ᠎ᠠ ᠮᠥᠴᠢᠷ ᠤᠨ ᠲᠥᠰᠦᠪ ᠪᠣᠯᠤᠨ ᠬᠠᠮᠢᠶ᠎ᠠ ᠪᠦᠬᠦᠢ ᠬᠦᠷᠢᠶᠡᠨ ᠤ ᠲᠥᠰᠦᠪ ᠤᠨ ᠵᠠᠷᠤᠯᠭ᠎ᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ | ᠬᠠᠮᠢᠶ᠎ᠠ ᠪᠦᠬᠦᠢ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ︔ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠴᠢᠨᠠᠷᠲᠠᠶ | ᠨᠥᠬᠦᠪᠥᠷᠢ ᠪᠣᠯᠤᠨ ᠲᠤᠰᠬᠠᠶ ᠵᠦᠢᠯ ᠤᠨ ᠨᠥᠭᠡᠴᠡ ᠶᠢᠨ ᠡᠳ᠋ ᠤᠨ ᠵᠠᠰᠠᠭ ᠤᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ︔ ᠤᠯᠤᠰ ᠤᠨ ᠲᠠᠷᠢᠶᠠᠯᠠᠩ ᠤᠨ | ᠪᠦᠲᠦᠭᠡᠭᠳᠡᠬᠦᠨ ᠤ ᠬᠠᠷᠠᠯᠲᠠ ᠦᠨ᠎ᠡ ᠶᠢᠨ ᠨᠥᠬᠦᠪᠥᠷᠢ ᠶᠢᠨ ᠲᠦᠷᠦ ᠶᠢᠨ ᠪᠤᠳᠤᠯᠭ᠎ᠠ ᠶᠢ ᠵᠣᠬᠢᠶᠠᠨ ᠪᠠᠶᠢᠭᠤᠯᠵᠤ ᠨᠠᠶᠢᠳᠠᠪᠤᠷᠢᠵᠢᠭᠤᠯᠤᠨ᠎ᠠ᠃ | ︵ᠠᠷᠪᠠᠨ ᠵᠢᠷᠭᠤᠭ᠎ᠠ︶ ᠪᠠᠶᠢᠭᠠᠯᠢ ᠶᠢᠨ ᠡᠬᠢ ᠪᠠᠶᠠᠯᠢᠭ ᠪᠣᠯᠣᠨ ᠠᠮᠢ ᠠᠬᠤᠢ ᠣᠷᠴᠢᠨ ᠲᠣᠭᠤᠷᠢᠨ ᠤ ᠭᠠᠵᠠᠷ᠄ ᠪᠠᠶᠢᠭᠠᠯᠢ ᠶᠢᠨ ᠡᠬᠢ ᠪᠠᠶᠠᠯᠢᠭ ᠠᠮᠢ ᠠᠬᠤᠢ | ᠣᠷᠴᠢᠨ ᠲᠣᠭᠤᠷᠢᠨ᠂ ᠣᠢ ᠰᠢᠭᠤᠢ ᠶᠢᠨ ᠦᠢᠯᠡᠰ ᠲᠠᠯ᠎ᠠ ᠨᠤᠲᠤᠭ ᠵᠡᠷᠭᠡ ᠲᠠᠯ᠎ᠠ ᠶᠢᠨ ᠰᠠᠯᠠᠭ᠎ᠠ ᠮᠥᠴᠢᠷ ᠤᠨ ᠲᠥᠰᠥᠪ ᠪᠣᠯᠣᠨ ᠬᠠᠮᠢᠶ᠎ᠠ ᠪᠦᠬᠦᠢ ᠬᠦᠷᠢᠶᠡᠨ ᠤ | ᠲᠥᠰᠥᠪ ᠤᠨ ᠵᠠᠷᠤᠯᠭ᠎ᠠ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠵᠦ᠂ ᠡᠬᠢ ᠪᠠᠶᠠᠯᠢᠭ ᠢ ᠠᠷᠪᠢᠯᠠᠬᠤ᠂ ᠭᠠᠵᠠᠷ ᠰᠢᠷᠣᠢ ᠶᠢ ᠴᠡᠭᠴᠡᠯᠡᠨ ᠵᠠᠰᠠᠬᠤ᠂ ᠠᠮᠢ ᠠᠬᠤᠢ ᠶᠢ | ᠬᠠᠮᠠᠭᠠᠯᠠᠨ ᠰᠡᠷᠭᠦᠭᠡᠬᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠯᠣᠨ ᠰᠠᠴᠤᠷᠠᠭ ᠤᠨ ᠠᠮᠤᠷ ᠲᠦᠪᠰᠢᠨ᠂ ᠤᠯᠤᠰ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ | ᠵᠡᠷᠭᠡ ᠲᠠᠯ᠎ᠠ ᠶᠢᠨ ᠡᠳ᠋ ᠤᠨ ᠶᠠᠪᠤᠳᠠᠯ ᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠪᠠᠶᠢᠭᠠᠯᠢ ᠶᠢᠨ ᠡᠬᠢ ᠪᠠᠶᠠᠯᠢᠭ ᠪᠠ ᠠᠮᠢ ᠠᠬᠤᠢ ᠣᠷᠴᠢᠨ | ᠲᠣᠭᠤᠷᠢᠨ ᠤ ᠬᠦᠷᠢᠶᠡᠨ ᠳᠠᠬᠢ ᠬᠥᠭᠵᠢᠯᠲᠡ ᠶᠢᠨ ᠲᠥᠯᠥᠪᠵᠢᠭᠦᠯᠭᠡ᠂ ᠲᠦᠷᠦ ᠶᠢᠨ ᠪᠤᠳᠤᠯᠭ᠎ᠠ ᠵᠡᠷᠭᠡ ᠶᠢ ᠲᠤᠭᠤᠷᠪᠢᠨ ᠲᠣᠭᠲᠠᠭᠠᠬᠤ ᠳᠤ ᠣᠷᠣᠯᠴᠠᠨ᠎ᠠ᠃ | ︵ᠠᠷᠪᠠᠨ ᠳᠣᠯᠤᠭ᠎ᠠ︶ ᠲᠠᠷᠢᠶᠠᠯᠠᠩ ᠮᠠᠯ ᠠᠵᠤ ᠠᠬᠤᠶ ᠶᠢᠨ ᠭᠠᠵᠠᠷ᠄ ᠲᠠᠷᠢᠶᠠᠯᠠᠩ ᠮᠠᠯ ᠠᠵᠤ ᠠᠬᠤᠶ ᠪᠣᠯᠤᠨ ᠲᠠᠷᠢᠶᠠᠯᠠᠬᠤ ᠮᠠᠯᠵᠢᠬᠤ ᠣᠷᠣᠨ᠂ ᠶᠠᠳᠠᠭᠤ ᠶᠢ | ᠲᠡᠳᠬᠦᠬᠦ᠂ ᠤᠰᠤᠨ ᠠᠰᠢᠭᠯᠠᠯᠲᠠ ᠵᠡᠷᠭᠡ ᠲᠠᠯ᠎ᠠ ᠶᠢᠨ ᠰᠠᠯᠠᠭ᠎ᠠ ᠮᠥᠴᠢᠷ ᠤᠨ ᠲᠥᠰᠦᠪ ᠪᠣᠯᠤᠨ ᠬᠠᠮᠢᠶ᠎ᠠ ᠪᠦᠬᠦᠢ ᠬᠦᠷᠢᠶᠡᠨ ᠤ ᠲᠥᠰᠦᠪ ᠤᠨ ᠵᠠᠷᠤᠯᠭ᠎ᠠ ᠶᠢᠨ | ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠬᠠᠮᠢᠶ᠎ᠠ ᠪᠦᠬᠦᠢ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ︔ ᠡᠳ᠋ ᠤᠨ ᠵᠠᠰᠠᠭ | ᠤᠨ ᠳᠡᠮᠵᠢᠯᠭᠡ ᠦᠵᠡᠭᠦᠯᠬᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠡᠳ᠋ ᠤᠨ ᠵᠠᠰᠠᠭ ᠠᠴᠠ ᠳᠡᠮᠵᠢᠨ ᠬᠡᠷᠡᠭᠵᠢᠭᠦᠯᠬᠦ | ᠬᠤᠯᠪᠣᠭᠳᠠᠯ ᠪᠦᠬᠦᠢ ᠠᠵᠢᠯ ᠢ ᠡᠭᠦᠷᠭᠡᠯᠡᠵᠦ᠂ ᠡᠳ᠋ ᠤᠨ ᠵᠠᠰᠠᠭ ᠤᠨ ᠲᠠᠯ᠎ᠠ ᠪᠠᠷ ᠶᠠᠳᠠᠭᠤ ᠶᠢ ᠲᠡᠳᠬᠦᠬᠦ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠲᠤᠬᠢᠷᠠᠭᠤᠯᠤᠨ᠎ᠠ︔ | ᠲᠠᠷᠢᠶᠠᠯᠠᠬᠤ ᠮᠠᠯᠵᠢᠬᠤ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠰᠠᠨᠠᠭᠤᠯᠭ᠎ᠠ | ᠳᠤᠷᠠᠳᠤᠨ᠎ᠠ︔ ᠲᠠᠷᠢᠶᠠᠯᠠᠩ ᠤᠨ ᠢᠲᠡᠭᠡᠮᠵᠢᠲᠦ ᠵᠢᠭᠡᠯᠡᠯᠭᠡ ᠶᠢᠨ ᠳᠠᠭᠠᠭᠠᠯᠲᠠ ᠬᠢᠬᠦ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠢᠶᠠᠷ ᠶᠠᠳᠠᠭᠤ ᠶᠢ ᠲᠡᠳᠬᠦᠨ | ᠬᠥᠭᠵᠢᠭᠦᠯᠬᠦ ᠰᠠᠭᠤᠷᠢ ᠮᠥᠩᠭᠦ ᠵᠡᠷᠭᠡ ᠡᠳ᠋ ᠤᠨ ᠵᠠᠰᠠᠭ ᠠᠴᠠ ᠲᠠᠷᠢᠶᠠᠯᠠᠩ ᠢ ᠳᠡᠮᠵᠢᠬᠦ ᠪᠡᠯᠡ ᠮᠥᠩᠭᠦ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ | ︵ᠠᠷᠪᠠᠨ ᠨᠠᠶᠮᠠ︶ ᠨᠡᠶᠢᠭᠡᠮ ᠤᠨ ᠪᠠᠲᠤᠯᠠᠭ᠎ᠠ ᠶᠢᠨ ᠭᠠᠵᠠᠷ᠄ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠠᠷᠠᠳ ᠤᠨ ᠶᠠᠪᠤᠳᠠᠯ᠂ | ᠡᠷᠡᠭᠦᠯ ᠬᠠᠮᠠᠭᠠᠯᠠᠯ ᠡᠷᠡᠭᠦᠯ ᠮᠡᠨᠳᠦ᠂ ᠴᠡᠷᠢᠭ ᠤᠨ ᠠᠯᠪᠠ ᠠᠴᠠ ᠪᠠᠭᠤᠭᠰᠠᠳ ᠤᠨ ᠬᠡᠷᠡᠭ ᠶᠠᠪᠤᠳᠠᠯ᠂ ᠡᠮ ᠡᠮᠨᠡᠯᠭᠡ ᠶᠢᠨ ᠪᠠᠲᠤᠯᠠᠭ᠎ᠠ ᠵᠡᠷᠭᠡ ᠲᠠᠯ᠎ᠠ ᠶᠢᠨ ᠰᠠᠯᠠᠭ᠎ᠠ | ᠮᠥᠴᠢᠷ ᠤᠨ ᠲᠥᠰᠦᠪ ᠪᠣᠯᠤᠨ ᠬᠠᠮᠢᠶ᠎ᠠ ᠪᠥᠬᠦᠶ ᠬᠦᠷᠢᠶ᠎ᠡ ᠴᠠᠷᠠᠭ᠎ᠠ ᠶᠢᠨ ᠲᠥᠰᠦᠪ ᠤᠨ ᠵᠠᠷᠤᠯᠭ᠎ᠠ ᠶᠢᠨ ᠬᠤᠯᠪᠣᠭᠳᠠᠯ ᠪᠥᠬᠦᠶ ᠠᠵᠢᠯ ᠢ ᠡᠭᠦᠷᠭᠡᠯᠡᠵᠦ᠂ ᠬᠠᠮᠢᠶ᠎ᠠ ᠪᠥᠬᠦᠶ | ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ︔ ᠬᠤᠯᠪᠣᠭᠳᠠᠯ ᠪᠦᠬᠦᠢ ᠲᠠᠯ᠎ᠠ ᠶᠢᠨ ᠬᠢ ᠲᠠᠢ ᠬᠠᠮᠲᠤᠷᠠᠨ ᠥᠪᠡᠷᠲᠡᠭᠡᠨ ᠵᠠᠰᠠᠬᠤ | ᠣᠷᠣᠨ ᠤ ᠬᠤᠯᠪᠣᠭᠳᠠᠯ ᠪᠦᠬᠦᠢ ᠪᠡᠯᠡ ᠮᠥᠩᠭᠦ ︵ᠰᠠᠭᠤᠷᠢ ᠮᠥᠩᠭᠦ︶ ᠶᠢᠨ ᠬᠠᠮᠢᠶᠠᠷᠤᠯᠲᠠ ᠶᠢᠨ ᠠᠷᠭ᠎ᠠ ᠪᠣᠯᠤᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ | ᠢ ᠲᠤᠭᠤᠷᠪᠢᠨ ᠲᠣᠭᠲᠠᠭᠠᠨ᠎ᠠ︔ ᠪᠦᠬᠦ ᠣᠷᠣᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ | ᠬᠢᠨᠠᠨ ᠬᠠᠷᠭᠤᠭᠤᠯᠬᠤ ᠶᠢᠨ ᠬᠠᠮᠲᠤ ᠬᠤᠷᠢᠶᠠᠩᠭᠤᠶᠢᠯᠠᠨ ᠨᠠᠶᠢᠷᠠᠭᠤᠯᠵᠤ ᠵᠣᠬᠢᠶᠠᠨ᠎ᠠ︔ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢ ᠡᠳ᠋ ᠤᠨ ᠵᠠᠰᠠᠭ ᠠᠴᠠ | ᠬᠢᠨᠠᠵᠤ ᠬᠠᠮᠢᠶᠠᠷᠬᠤ ᠠᠵᠢᠯ ᠢ ᠡᠭᠦᠷᠭᠡᠯᠡᠨ᠎ᠡ᠃ | ︵ᠠᠷᠪᠠ ᠶᠢᠰᠦ︶ ᠮᠥᠩᠭᠦᠨ ᠭᠦᠢᠯᠭᠡᠭᠡ ᠭᠠᠳᠠᠭᠠᠳᠤ ᠠᠵᠤ ᠠᠬᠤᠢ ᠶᠢᠨ ᠭᠠᠵᠠᠷ᠄ ᠣᠷᠣᠨ ᠨᠤᠲᠤᠭ ᠤᠨ ᠮᠥᠩᠭᠦᠨ ᠭᠦᠶᠯᠭᠡᠭᠡᠨ ᠤ ᠬᠢᠨᠠᠯᠲᠠ ᠬᠠᠮᠢᠶᠠᠷᠤᠯᠲᠠ | ᠵᠡᠷᠭᠡ ᠰᠠᠯᠠᠭ᠎ᠠ ᠮᠥᠴᠢᠷ ᠤᠨ ᠲᠥᠰᠦᠪ ᠪᠠ ᠬᠠᠮᠢᠶ᠎ᠠ ᠪᠦᠬᠦᠢ ᠬᠦᠷᠢᠶᠡᠨ ᠤ ᠲᠥᠰᠦᠪ ᠤᠨ ᠵᠠᠷᠤᠯᠭ᠎ᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ︔ ᠣᠷᠣᠨ | ᠨᠤᠲᠤᠭ ᠤᠨ ᠤᠯᠤᠰ ᠤᠨ ᠥᠮᠴᠢᠯᠡᠯᠲᠦ ᠮᠥᠩᠭᠦᠨ ᠭᠦᠶᠯᠭᠡᠭᠡᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠥᠪᠡᠷᠲᠡᠭᠡᠨ ᠵᠠᠰᠠᠬᠤ | ᠣᠷᠣᠨ ᠤ ᠤᠯᠤᠰ ᠤᠨ ᠥᠮᠴᠢᠯᠡᠯᠲᠦ ᠮᠥᠩᠭᠦᠨ ᠭᠦᠶᠯᠭᠡᠭᠡᠨ ᠤ ᠡᠳ᠋ ᠬᠥᠷᠥᠩᠭᠡ ᠶᠢᠨ ᠪᠡᠯᠡ ᠭᠠᠷᠭᠠᠭᠴᠢ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ︔ ᠲᠥᠷᠥ | ᠶᠢᠨ ᠪᠣᠳᠣᠯᠭ᠎ᠠ ᠶᠢᠨ ᠴᠢᠨᠠᠷᠲᠠᠶ ᠮᠥᠩᠭᠦᠨ ᠭᠦᠢᠯᠭᠡᠭᠡ᠂ ᠲᠦᠭᠡᠮᠡᠯ ᠬᠠᠷᠠᠭᠠᠯᠵᠠᠯᠲᠤ ᠮᠥᠩᠭᠦᠨ ᠭᠦᠶᠯᠭᠡᠭᠡᠨ᠂ ᠲᠠᠷᠢᠶᠠᠯᠠᠩ ᠮᠠᠯ ᠠᠵᠤ ᠠᠬᠤᠢ ᠶᠢᠨ ᠳᠠᠭᠠᠳᠬᠠᠯ ᠤᠨ | ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠪᠠ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠨ᠎ᠠ︔ ᠵᠠᠰᠠᠭ ᠤᠨ ᠣᠷᠳᠣᠨ ᠪᠣᠯᠤᠨ ᠨᠡᠶᠢᠭᠡᠮ ᠤᠨ | ᠬᠥᠷᠥᠩᠭᠡ ᠶᠢᠨ ᠬᠤᠷᠰᠢᠯᠴᠠᠭ᠎ᠠ ᠶᠢᠨ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ︔ ᠥᠪᠡᠷᠲᠡᠭᠡᠨ ᠵᠠᠰᠠᠬᠤ ᠣᠷᠣᠨ ᠤ ᠬᠤᠶᠠᠷ ᠲᠠᠯ᠎ᠠ ᠶᠢᠨ ᠪᠠ ᠣᠯᠠᠨ ᠲᠠᠯ᠎ᠠ ᠶᠢᠨ | ᠡᠳ᠋ ᠤᠨ ᠵᠠᠰᠠᠭ ᠮᠥᠩᠭᠦᠨ ᠭᠦᠢᠯᠭᠡᠭᠡᠨ ᠤ ᠬᠠᠮᠲᠤᠷᠠᠯᠴᠠᠭ᠎ᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ︔ ᠴᠡᠪᠡᠷ ᠰᠠᠭᠤᠷᠢ ᠮᠥᠩᠭᠦᠨ ᠤ ᠵᠢᠭᠡᠯᠡᠯᠭᠡ ᠶᠢᠨ | ᠲᠥᠷᠥᠯ ᠵᠦᠶᠯ ᠢ ᠵᠣᠬᠢᠶᠠᠨ ᠪᠠᠶᠢᠭᠤᠯᠬᠤ ᠪᠠ ᠮᠡᠳᠡᠭᠦᠯᠬᠦ ᠠᠵᠢᠯ ᠢ ᠬᠠᠷᠢᠭᠤᠴᠠᠨ᠎ᠠ᠃ | ︵ᠬᠤᠷᠢ︶ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠭᠠᠵᠠᠷ᠄ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠴᠢᠯᠠᠯᠲᠠ᠂ ᠡᠨᠧᠷᠭᠢ᠂ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ᠂ ᠴᠡᠷᠢᠭ ᠪᠠ ᠠᠷᠠᠳ ᠤᠨ ᠬᠡᠷᠡᠭᠯᠡᠭᠡ ᠶᠢᠨ ᠠᠭᠤᠰᠤᠯᠴᠠᠯ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠵᠡᠷᠭᠡ ᠲᠠᠯ᠎ᠠ ᠶᠢᠨ ᠰᠠᠯᠠᠭ᠎ᠠ ᠮᠥᠴᠢᠷ ᠤᠨ ᠲᠥᠰᠦᠪ ᠪᠣᠯᠤᠨ ᠬᠠᠮᠢᠶ᠎ᠠ ᠪᠦᠬᠦᠢ ᠬᠦᠷᠢᠶᠡᠨ ᠤ ᠲᠥᠰᠦᠪ ᠤᠨ ᠵᠠᠷᠤᠯᠭ᠎ᠠ ᠶᠢᠨ ᠬᠤᠯᠪᠣᠭᠳᠠᠯ ᠪᠦᠬᠦᠢ ᠠᠵᠢᠯ | ᠢ ᠡᠭᠦᠷᠭᠡᠯᠡᠨ᠎ᠡ︔ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠲᠤᠭᠤᠷᠪᠢᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠵᠠᠰᠠᠭ ᠵᠠᠬᠢᠷᠭᠠᠨ ᠠᠵᠢᠯ ᠦᠢᠯᠡᠰ ᠤᠨ | ᠨᠢᠭᠡᠴᠢ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ︔ ᠤᠯᠤᠰ ᠤᠨ ᠥᠮᠴᠢᠯᠡᠯᠲᠦ ᠡᠳ᠋ ᠠᠵᠤ ᠠᠬᠤᠶᠢᠯᠠᠯ ᠤᠨ ᠡᠳ᠋ ᠬᠥᠷᠥᠩᠭᠡ ᠳᠤ | ᠬᠢᠨᠠᠯᠲᠠ ᠲᠠᠯᠪᠢᠬᠤ ᠪᠠ ᠥᠭᠡᠷᠡᠴᠢᠯᠡᠯᠲᠡ ᠬᠢᠬᠦ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠨ᠎ᠠ︔ ᠤᠯᠤᠰ ᠤᠨ ᠥᠮᠴᠢᠯᠡᠯᠲᠦ ᠬᠦᠷᠦᠩᠭᠡ | ᠶᠢᠨ ᠡᠵᠡᠩᠨᠡᠯᠲᠡ ᠶᠢᠨ ᠲᠥᠰᠦᠪ ᠢ ᠨᠠᠶᠢᠷᠠᠭᠤᠯᠤᠨ ᠮᠡᠳᠡᠭᠦᠯᠬᠦ ᠪᠠ ᠬᠡᠷᠡᠭᠵᠢᠭᠦᠯᠵᠦ᠂ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠲᠦᠷᠢᠮ ᠢ ᠵᠣᠬᠢᠶᠠᠨ ᠪᠠᠶᠢᠭᠤᠯᠵᠤ | ᠬᠡᠷᠡᠭᠵᠢᠭᠦᠯᠦᠨ᠎ᠡ︔ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠮᠡᠳᠡᠭᠦᠯᠦᠯᠲᠡ ᠶᠢᠨ ᠠᠵᠢᠯ ᠢ ᠨᠠᠶᠢᠳᠠᠪᠤᠷᠢᠵᠢᠭᠤᠯᠤᠨ᠎ᠠ᠃ | ︵ᠬᠤᠷᠢᠨ ᠨᠢᠭᠡ︶ ᠨᠢᠭᠲᠠᠯᠠᠨ ᠪᠤᠳᠤᠬᠤ ᠭᠠᠵᠠᠷ᠄ ᠣᠷᠣᠨ ᠨᠤᠲᠤᠭ ᠤᠨ ᠴᠢᠨᠠᠷᠲᠠᠢ ᠨᠢᠭᠲᠠᠯᠠᠨ ᠪᠤᠳᠤᠬᠤ ᠲᠦᠷᠢᠮ ᠲᠣᠭᠲᠠᠭᠠᠯ ᠢ ᠲᠤᠭᠤᠷᠪᠢᠨ ᠲᠣᠭᠲᠠᠭᠠᠬᠤ | ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠨᠢᠭᠲᠠᠯᠠᠨ ᠪᠤᠳᠦᠬᠤ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠬᠠᠷᠢᠭᠤᠴᠠᠵᠤ᠂ ᠨᠢᠭᠲᠠᠯᠠᠨ ᠪᠤᠳᠦᠬᠤ | ᠲᠤᠰᠬᠠᠢ ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠶᠢ ᠬᠢᠨᠠᠵᠤ ᠵᠢᠯᠣᠭᠤᠳᠤᠨ᠎ᠠ︔ ᠳᠠᠩᠰᠠᠯᠠᠭᠤᠯᠤᠭᠰᠠᠨ ᠨᠢᠭᠲᠠᠯᠠᠨ ᠪᠤᠳᠤᠭᠴᠢ᠂ ᠡᠳ᠋ ᠬᠥᠷᠥᠩᠭᠡ ᠶᠢ ᠦᠨᠡᠯᠡᠨ | ᠵᠢᠱᠢᠬᠦ ᠠᠵᠢᠯ ᠲᠥᠷᠥᠯ ᠢ ᠬᠠᠤᠯᠢ ᠶᠣᠰᠣᠭᠠᠷ ᠬᠠᠮᠢᠶᠠᠷᠴᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠩᠰᠠᠯᠠᠭᠤᠯᠤᠭᠰᠠᠨ ᠨᠢᠭᠲᠠᠯᠠᠨ ᠪᠤᠳᠤᠭᠴᠢ | ᠶᠢᠨ ᠨᠡᠶᠢᠭᠡᠮᠯᠢᠭ ᠤᠨ ᠠᠵᠢᠯ ᠳᠤ ᠬᠢᠨᠠᠯᠲᠠ ᠲᠠᠯᠪᠢᠵᠤ ᠵᠢᠯᠣᠭᠤᠳᠤᠨ᠎ᠠ︔ ᠵᠠᠰᠠᠭ ᠵᠠᠬᠢᠷᠭᠠᠨ ᠤ ᠨᠢᠭᠡᠴᠢ᠂ ᠠᠵᠢᠯ ᠦᠢᠯᠡᠰ ᠤᠨ ᠨᠢᠭᠡᠴᠢ᠂ ᠠᠵᠤ ᠠᠬᠤᠶᠢᠯᠠᠯ ᠤᠨ | ᠨᠢᠭᠲᠠᠯᠠᠨ ᠪᠣᠳᠣᠬᠤ ᠮᠡᠳᠡᠭᠡ ᠵᠠᠩᠭᠢ ᠶᠢᠨ ᠴᠢᠨᠠᠷ ᠲᠤ ᠬᠢᠨᠠᠯᠲᠠ ᠲᠠᠯᠪᠢᠨ ᠪᠠᠶᠢᠴᠠᠭᠠᠨ᠎ᠠ︔ ᠨᠢᠭᠲᠠᠯᠠᠨ ᠪᠣᠳᠣᠭᠴᠢ ᠶᠢᠨ ᠬᠡᠷᠡᠭ ᠡᠷᠬᠢᠯᠡᠬᠦ ᠭᠠᠵᠠᠷ᠂ ᠡᠳ᠋ ᠬᠥᠷᠥᠩᠭᠡ ᠶᠢ | ᠦᠨᠡᠯᠡᠨ ᠵᠢᠱᠢᠬᠦ ᠪᠠᠶᠢᠭᠤᠯᠤᠮᠵᠢ ᠶᠢᠨ ᠠᠵᠢᠯ ᠡᠷᠬᠢᠯᠡᠬᠦ ᠴᠢᠨᠠᠷ ᠵᠡᠷᠭᠡ ᠪᠠᠶᠢᠳᠠᠯ ᠳᠤ ᠪᠠᠶᠢᠴᠠᠭᠠᠯᠲᠠ ᠬᠢᠨ᠎ᠡ᠃ | ︵ᠬᠤᠷᠢᠨ ᠬᠤᠶᠠᠷ︶ ᠦᠷ᠎ᠡ ᠪᠦᠲᠦᠮᠵᠢ ᠶᠢᠨ ᠬᠠᠮᠢᠶᠠᠷᠤᠯᠲᠠ ᠪᠠ ᠬᠢᠨᠠᠯᠲᠠ ᠲᠠᠯᠪᠢᠬᠤ ᠲᠣᠪᠴᠢᠶ᠎ᠠ᠄ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ | ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠦᠷᠢᠮ ᠢ ᠰᠤᠳᠤᠯᠤᠨ ᠲᠣᠭᠲᠠᠭᠠᠨ᠎ᠠ︔ ᠡᠯ᠎ᠡ ᠲᠥᠰᠦᠪ ᠬᠢᠵᠦ ᠪᠦᠬᠦᠢ ᠰᠠᠯᠠᠭ᠎ᠠ ᠮᠥᠴᠢᠷ ᠤᠨ ᠵᠠᠷᠤᠯᠭ᠎ᠠ ᠶᠢᠨ | ᠦᠷ᠎ᠡ ᠪᠦᠲᠦᠮᠵᠢ ᠳᠤ ᠡᠳ᠋ ᠤᠨ ᠵᠠᠰᠠᠭ ᠤᠨ ᠭᠤᠣᠯᠳᠠᠯᠭ᠎ᠠ ᠲᠠᠢ ᠮᠥᠷᠳᠡᠨ ᠬᠢᠨᠠᠨ ᠡᠵᠡᠮᠳᠡᠬᠦ ᠶᠢ ᠬᠡᠷᠡᠭᠵᠢᠭᠦᠯᠦᠨ᠎ᠡ︔ ᠲᠥᠰᠦᠪ ᠤᠨ ᠦᠷ᠎ᠡ ᠪᠦᠲᠦᠮᠵᠢ ᠶᠢᠨ | ᠦᠨᠡᠯᠡᠯᠲᠡ ᠶᠢᠨ ᠦᠷ᠎ᠡ ᠳ᠋ᠦᠩ ᠢ ᠬᠤᠷᠢᠶᠠᠩᠭᠤᠶᠢᠯᠠᠬᠤ᠂ ᠮᠡᠳᠡᠭᠦᠯᠬᠦ ᠪᠠ ᠨᠡᠶᠢᠲᠡᠯᠡᠬᠦ ᠶᠢ ᠵᠣᠬᠢᠶᠠᠨ ᠪᠠᠶᠢᠭᠤᠯᠤᠨ᠎ᠠ︔ ᠡᠳ᠋ ᠤᠨ ᠵᠠᠰᠠᠭ ᠭᠠᠶᠢᠯᠢ ᠶᠢᠨ ᠬᠠᠤᠯᠢ | ᠲᠣᠭᠲᠠᠭᠠᠯ ᠪᠠ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠰᠡᠨ ᠪᠠᠶᠢᠳᠠᠯ᠂ ᠲᠥᠰᠦᠪ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠬᠢᠨᠠᠯᠲᠠ ᠲᠠᠯᠪᠢᠬᠤ ᠠᠵᠢᠯ ᠢ | ᠡᠭᠦᠷᠭᠡᠯᠡᠨ᠎ᠡ︔ ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠳᠣᠲᠣᠭᠠᠳᠤ ᠶᠢᠨ ᠡᠵᠡᠮᠳᠡᠬᠦ᠂ ᠬᠢᠨᠠᠨ ᠪᠣᠳᠣᠬᠤ ᠪᠠ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ | ᠬᠠᠷᠢᠭᠤᠴᠠᠨ᠎ᠠ︔ ᠠᠶᠢᠮᠠᠭ ᠬᠤᠲᠠ ᠶᠢᠨ ᠳᠣᠲᠣᠭᠠᠳᠤ ᠶᠢᠨ ᠡᠵᠡᠮᠳᠡᠬᠦ ᠠᠵᠢᠯ ᠥᠷᠨᠢᠭᠦᠯᠬᠦ ᠶᠢ ᠨᠢ ᠵᠢᠯᠣᠭᠤᠳᠤᠨ᠎ᠠ᠃ | ︵ᠬᠤᠷᠢᠨ ᠭᠤᠷᠪᠠ︶ ᠵᠠᠰᠠᠭ ᠤᠨ ᠣᠷᠳᠣᠨ ᠤ ᠬᠤᠳᠠᠯᠳᠤᠨ ᠠᠪᠬᠤ ᠭᠠᠵᠠᠷ᠄ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠵᠠᠰᠠᠭ ᠤᠨ ᠣᠷᠳᠣᠨ ᠤ | ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠢ ᠲᠤᠭᠤᠷᠪᠢᠨ ᠲᠣᠭᠲᠠᠭᠠᠨ᠎ᠠ︔ ᠡᠭᠦᠷᠭᠡ ᠬᠠᠷᠢᠭᠤᠴᠠᠯᠭ᠎ᠠ᠂ ᠬᠤᠪᠢᠶᠠᠷᠢᠯᠠᠯ ᠢᠶᠠᠷ ᠢᠶᠠᠨ ᠥᠪᠡᠷᠲᠡᠭᠡᠨ ᠵᠠᠰᠠᠬᠤ ᠣᠷᠣᠨ | ᠤ ᠲᠤᠰ ᠱᠠᠲᠤᠨ ᠤ ᠲᠥᠰᠦᠪ ᠤᠨ ᠨᠢᠭᠡᠴᠢ ᠶᠢᠨ ᠨᠠᠶᠢᠷᠠᠭᠤᠯᠤᠨ ᠮᠡᠳᠡᠭᠦᠯᠦᠭᠰᠡᠨ ᠬᠤᠳᠠᠯᠳᠤᠨ ᠠᠪᠬᠤ ᠲᠥᠯᠥᠪᠯᠡᠭᠡ ᠶᠢ ᠬᠢᠨᠠᠨ ᠵᠥᠪᠰᠢᠶᠡᠷᠡᠵᠦ᠂ ᠵᠠᠰᠠᠭ ᠤᠨ ᠣᠷᠳᠣᠨ | ᠤ ᠬᠤᠳᠠᠯᠳᠤᠨ ᠠᠪᠬᠤ ᠵᠠᠭᠠᠯᠳᠤᠯᠭ᠎ᠠ ᠶᠢ ᠬᠦᠯᠢᠶᠡᠨ ᠠᠪᠴᠤ ᠰᠢᠶᠳᠪᠦᠷᠢᠯᠡᠨ᠎ᠡ︔ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠵᠠᠰᠠᠭ ᠤᠨ ᠣᠷᠳᠣᠨ ᠤ | ᠬᠤᠳᠠᠯᠳᠤᠨ ᠠᠪᠬᠤ ᠠᠵᠢᠯᠯᠠᠭ᠎ᠠ ᠳᠤᠮᠳᠠᠬᠢ᠂ ᠠᠵᠢᠯᠯᠠᠭ᠎ᠠ ᠶᠢᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ︔ ᠪᠦᠬᠦ ᠣᠷᠣᠨ ᠤ ᠵᠠᠰᠠᠭ ᠤᠨ ᠣᠷᠳᠣᠨ | ᠤ ᠬᠤᠳᠠᠯᠳᠤᠨ ᠠᠪᠬᠤ ᠠᠵᠢᠯ ᠢ ᠵᠢᠯᠣᠭᠤᠳᠤᠨ᠎ᠠ᠃ | ᠪᠠᠶᠢᠭᠤᠯᠭ᠎ᠠ ᠶᠢᠨ ᠨᠠᠮ ᠤᠨ ᠬᠤᠷᠢᠶ᠎ᠠ᠄ ᠪᠠᠶᠢᠭᠤᠯᠭ᠎ᠠ ᠪᠠ ᠬᠠᠷᠢᠶ᠎ᠠ ᠨᠢᠭᠡᠴᠢ ᠶᠢᠨ ᠨᠠᠮ ᠪᠠ ᠣᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ ᠠᠵᠢᠯ ᠢ | ᠬᠠᠷᠢᠭᠤᠴᠠᠨ᠎ᠠ᠃ | ᠠᠵᠢᠯ ᠠᠴᠠ ᠪᠠᠨ ᠳᠠᠷᠬᠠᠯᠠᠭᠳᠠᠵᠤ ᠠᠮᠠᠷᠠᠭᠰᠠᠳ ᠤᠨ ᠠᠵᠢᠯ ᠤᠨ ᠭᠠᠵᠠᠷ᠄ ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠠᠵᠢᠯ ᠠᠴᠠ ᠪᠠᠨ ᠳᠠᠷᠬᠠᠯᠠᠭᠳᠠᠵᠤ | ᠠᠮᠠᠷᠠᠭᠰᠠᠳ ᠤᠨ ᠠᠵᠢᠯ ᠢ ᠬᠠᠷᠢᠭᠤᠴᠠᠨ᠎ᠠ᠃ | ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 177 | ᠪᠤᠢ᠃ ᠲᠢᠩᠬᠢᠮ ᠤᠨ ᠳᠠᠷᠤᠭ᠎ᠠ 1 ᠬᠥᠮᠦᠨ᠂ ᠳᠡᠳ᠋ ᠲᠢᠩᠬᠢᠮ ᠤᠨ ᠳᠠᠷᠤᠭ᠎ᠠ 5 ᠬᠥᠮᠦᠨ ᠪᠤᠢ︔ ᠭᠠᠵᠠᠷ ᠤᠨ ᠲᠠᠰ ᠤᠨ ᠤᠳᠤᠷᠢᠳᠬᠤ ᠲᠤᠰᠢᠶᠠᠯ ᠤᠨ ᠲᠤᠭ᠎ᠠ 59 | ᠪᠤᠢ ﹇26 ᠵᠢᠩᠬᠢᠨᠢ ᠲᠤᠰᠢᠶᠠᠯ ︵ᠶᠡᠷᠦᠩᠬᠡᠶ ᠨᠢᠭᠲᠠᠯᠠᠨ ᠪᠤᠳᠤᠭᠴᠢ᠂ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠲᠤᠰᠬᠠᠶ ᠲᠤᠰᠢᠶᠠᠯᠲᠤ ᠳᠡᠳ᠋ ᠱᠦᠵᠢ᠂ ᠠᠵᠢᠯ | ᠠᠴᠠ ᠪᠠᠨ ᠳᠠᠷᠬᠠᠯᠠᠭᠳᠠᠵᠤ ᠠᠮᠠᠷᠠᠭᠰᠠᠳ ᠤᠨ ᠠᠵᠢᠯ ᠤᠨ ᠭᠠᠵᠠᠷ ᠤᠨ ᠳᠠᠷᠤᠭ᠎ᠠ ᠲᠣᠰ ᠲᠣᠰ 13 ᠬᠥᠮᠥᠨ︶ 33 ᠳᠡᠳ᠋ ᠲᠤᠰᠢᠶᠠᠯ ︵ᠪᠠᠶᠢᠭᠤᠯᠭ᠎ᠠ ᠶᠢᠨ ᠰᠠᠬᠢᠯᠭ᠎ᠠ | ᠪᠠᠲᠤ ᠪᠠᠶᠢᠴᠠᠭᠠᠬᠤ ᠬᠤᠷᠢᠶᠠᠨ ᠤ ᠱᠦᠵᠢ᠂ ᠠᠵᠢᠯ ᠠᠴᠠ ᠪᠠᠨ ᠳᠠᠷᠬᠠᠯᠠᠭᠳᠠᠵᠤ ᠠᠮᠠᠷᠠᠭᠰᠠᠳ ᠤᠨ ᠠᠵᠢᠯ ᠤᠨ ᠭᠠᠵᠠᠷ ᠤᠨ ᠳᠡᠳ᠋ ᠳᠠᠷᠤᠭ᠎ᠠ ᠲᠣᠰ ᠲᠣᠰ 1 ᠬᠥᠮᠥᠨ︶ | ᠪᠣᠶ﹈᠃ | ᠵᠢᠷᠭᠤᠳᠤᠭᠠᠷ ᠵᠦᠶᠯ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠷᠢᠶ᠎ᠠ ᠪᠦᠬᠦᠢ ᠠᠵᠢᠯ ᠦᠶᠯᠡᠰ ᠤᠨ ᠨᠢᠭᠡᠴᠢ ᠶᠢᠨ | ᠪᠠᠶᠢᠷᠢᠯᠠᠭᠤᠯᠤᠯᠲᠠ᠂ ᠡᠭᠦᠷᠭᠡ ᠬᠠᠷᠢᠭᠤᠴᠠᠯᠭ᠎ᠠ ᠪᠣᠯᠤᠨ ᠣᠷᠣᠨ ᠲᠤᠭ᠎ᠠ ᠶᠢᠨ ᠵᠦᠶᠯᠡᠰ ᠢ ᠠᠰ ᠲᠤᠨᠢ ᠲᠣᠭᠲᠠᠭᠠᠨ᠎ᠠ᠃ | ᠳᠣᠯᠣᠳᠤᠭᠠᠷ ᠵᠦᠢᠯ ᠲᠤᠰ ᠲᠣᠭᠲᠠᠭᠠᠯ ᠤᠨ ᠲᠠᠶᠢᠯᠤᠮᠵᠢ ᠶᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ ᠲᠣᠭᠠᠨ ᠤ | ᠬᠤᠷᠢᠶᠠᠨ ᠤ ᠠᠯᠪᠠᠨ ᠭᠡᠷ ᠬᠠᠷᠢᠭᠤᠴᠠᠵᠤ᠂ ᠲᠡᠭᠦᠨ ᠤ ᠲᠣᠬᠢᠷᠠᠭᠤᠯᠤᠯᠲᠠ ᠶᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ ᠣᠷᠣᠨ | ᠲᠣᠭᠠᠨ ᠤ ᠬᠤᠷᠢᠶᠠᠨ ᠤ ᠠᠯᠪᠠᠨ ᠭᠡᠷ ᠲᠣᠭᠲᠠᠭᠠᠭᠰᠠᠨ ᠳᠠᠷᠠᠭᠠᠯᠠᠯ ᠶᠣᠰᠣᠭᠠᠷ ᠭᠦᠢᠴᠡᠳᠬᠡᠨ᠎ᠡ᠃ | ᠨᠠᠢᠮᠠᠳᠤᠭᠠᠷ ᠵᠦᠢᠯ ᠲᠤᠰ ᠲᠣᠭᠲᠠᠭᠠᠯ ᠢ 2019 ᠣᠨ ᠤ 7 ᠰᠠᠷ᠎ᠠ ᠶᠢᠨ 4 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 19 ᠳ᠋ᠦ᠋ᠭᠡᠷ ᠲᠣᠭᠠᠲᠤ | ᠠᠯᠪᠠᠯᠠᠬᠤ ᠴᠠᠭ᠄ ᠠᠵᠢᠯᠯᠠᠬᠤ ᠡᠳᠦᠷ ᠤᠨ 9᠄ 00-12᠄ 00᠂ 13᠄ 30-17᠄ 00 | ᠤᠲᠠᠰᠤ᠄ 0471-4192715 365赢多少钱会被限额_国内有真正的365平台吗_365bet博彩官网 | ᠬᠠᠷᠢᠭᠤᠴᠠᠯᠭᠠᠲᠠᠨ᠄ ᠵᠠᠩ ᠯᠸᠢ |