2015 ᠤᠨ ᠤ 1 ᠳ᠋ᠤᠭᠡᠷ ᠰᠠᠷ᠎ᠠ ᠶᠢᠨ 26 ᠤ ᠡᠳᠥᠷ ᠤᠨ ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠲᠡᠭᠡᠷ᠎ᠡ | | ᠥᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠠᠭᠠᠲᠤᠷ | | ᠲᠦᠯᠦᠬᠡᠯᠡᠭᠴᠢᠳ ᠡ᠄ | ᠤᠳᠤ᠂ ᠪᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ | ᠠᠵᠢᠯ ᠢᠶᠠᠨ ᠮᠡᠳᠡᠭᠦᠯᠦᠶ᠎ᠡ᠂ ᠬᠢᠨᠠᠨ ᠵᠦᠪᠯᠡᠬᠦ ᠪᠣᠯᠪᠠᠤ᠂ ᠲᠡᠷᠡᠴᠢᠯᠡᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠦᠪᠯᠡᠯᠭᠡᠨ ᠤ ᠭᠡᠰᠢᠭᠦᠨ ᠪᠣᠯᠣᠨ | ᠬᠤᠷᠠᠯ ᠳᠤ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2014 ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠪᠣᠯ ᠥᠪᠡᠷᠲᠡᠭᠡᠨ ᠵᠠᠰᠠᠬᠤ ᠣᠷᠣᠨ ᠤ ᠭᠥᠭᠵᠢᠯᠲᠡ ᠶᠢᠨ ᠶᠠᠪᠤᠴᠠ ᠳᠠᠬᠢ ᠴᠢᠬᠤᠯᠠ ᠬᠦᠰᠢᠶ᠎ᠡ ᠳᠤᠷᠠᠰᠬᠠᠯ ᠤᠨ ᠠᠴᠢ | ᠬᠤᠯᠪᠣᠭᠳᠠᠯ ᠲᠠᠢ ᠨᠢᠭᠡ ᠵᠢᠯ ᠪᠣᠯᠣᠨ᠎ᠠ᠃ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠬᠠᠩᠭᠠᠮᠵᠢ ᠦᠭᠡᠢ᠂ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ | ᠶᠡᠬᠡᠳᠴᠦ ᠪᠠᠶᠢᠭ᠎ᠠ ᠵᠡᠷᠭᠡ ᠨᠦᠰᠡᠷ ᠬᠦᠨᠳᠦ ᠪᠤᠳᠤᠯᠢᠶᠠᠨᠲᠠᠢ ᠪᠠᠶᠢᠳᠠᠯ ᠪᠣᠯᠣᠨ ᠬᠠᠲᠠᠭᠤ ᠪᠡᠷᠬᠡᠰᠢᠶᠡᠯᠲᠡᠢ ᠦᠭᠡᠷᠡᠴᠢᠯᠡᠯᠳᠡ ᠬᠥᠭᠵᠢᠯᠲᠡ ᠶᠢᠨ ᠲᠣᠭᠳᠠᠭᠤᠨ ᠪᠠᠶᠢᠯᠭᠠᠬᠤ | ᠡᠭᠦᠷᠭᠡ ᠳᠤ ᠬᠠᠨᠳᠤᠭᠤᠯᠤᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠵᠥᠪ ᠣᠨᠣᠪᠴᠢᠲᠠᠢ ᠤᠳᠤᠷᠢᠳᠤᠯᠭ᠎ᠠ ᠲᠣᠣᠷ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠥᠬᠦ ᠣᠷᠣᠨ ᠤ ᠥᠨᠳᠦᠰᠦᠲᠡᠨ ᠨᠦᠭᠦᠳ ᠤᠨ ᠠᠷᠠᠳ | ᠲᠦᠮᠡᠨ ᠢ ᠪᠥᠯᠬᠦᠮᠳᠡᠭᠦᠯᠦᠨ ᠲᠠᠭᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠯᠢ ᠣᠯᠠᠨ ᠴᠢᠬᠤᠯᠠ ᠶᠠᠷᠢᠶ᠎ᠠ ᠪᠣᠯᠣᠨ ᠥᠪᠥᠷ ᠮᠣᠩᠭᠤᠯ ᠳᠤ ᠰᠢᠨᠵᠢᠯᠡᠨ | ᠪᠠᠶᠢᠴᠠᠭᠠᠬᠤ ᠳᠤ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠲᠥᠪ ᠤᠨ ᠡᠯ᠎ᠡ ᠵᠦᠢᠯ ᠤᠨ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ ᠤ ︽8337︾ ᠬᠥᠭᠵᠢᠯᠲᠡ ᠶᠢᠨ ᠰᠡᠳᠬᠢᠮᠵᠢ ᠶᠢ ᠪᠥᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠬᠦᠭᠵᠢᠯᠲᠡ ᠶᠢᠨ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠳᠤᠬᠢᠷᠠᠯᠴᠠᠨ᠂ ᠯᠠᠪᠳᠠᠭᠤᠨ ᠢᠶᠠᠷ ᠤᠷᠤᠭᠰᠢ | ᠳᠠᠪᠰᠢᠭᠤᠯᠬᠤ ᠠᠵᠢᠯ ᠤᠨ ᠶᠡᠷᠥᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠵᠤ᠂ ᠨᠡᠮᠡᠭᠳᠡᠯ ᠢ ᠯᠠᠪᠳᠠᠭᠤᠨ ᠪᠠᠶᠢᠯᠭᠠᠬᠤ᠂ ᠥᠭᠡᠷᠡᠴᠢᠯᠡᠯᠲᠡ ᠶᠢ ᠠᠬᠢᠭᠤᠯᠬᠤ᠂ | ᠪᠦᠲᠦᠴᠡ ᠶᠢ ᠲᠤᠬᠢᠷᠠᠭᠤᠯᠬᠤ᠂ ᠠᠷᠠᠳ ᠤᠨ ᠠᠮᠢᠳᠤᠷᠠᠯ ᠢ ᠬᠠᠷᠠᠭᠠᠯᠵᠠᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠡᠯ᠎ᠡ ᠵᠦᠢᠯ ᠤᠨ ᠠᠵᠢᠯ ᠢᠶᠠᠨ ᠨᠢᠭᠡᠲᠦᠯᠲᠡᠢ | ᠲᠦᠯᠦᠪᠯᠡᠨ ᠰᠠᠶᠢᠳᠤᠷ ᠬᠢᠵᠦ᠂ ᠣᠳᠣᠬᠢᠴᠢᠯᠠᠭᠰᠠᠨ ᠥᠪᠥᠷ ᠮᠣᠩᠭᠤᠯ ᠢ ᠪᠦᠲᠦᠭᠡᠨ ᠪᠠᠶᠢᠭᠤᠯᠬᠤ ᠳᠤ ᠰᠢᠨ᠎ᠡ ᠪᠠᠶᠢᠳᠠᠯ ᠢ ᠡᠭᠦᠳᠪᠡ᠃ | ︵ᠨᠢᠭᠡ︶ ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠪᠠᠲᠤᠯᠠᠪᠠ᠃ ᠪᠥᠬᠦ ᠣᠷᠣᠨ ᠤ ᠦᠢᠯᠡᠳᠪᠦᠷᠢᠯᠡᠯ ᠤᠨ ᠶᠡᠷᠥᠩᠬᠡᠢ ᠥᠷᠲᠡᠭ 17769.5 | ᠳ᠋ᠦᠩᠰᠢᠭᠤᠷ ᠲᠦᠭᠦᠷᠢᠭ ᠪᠠᠶᠢᠵᠤ᠂ 7.8 % ᠪᠠᠷ ᠨᠡᠮᠡᠭᠳᠡᠵᠦ᠂ ᠵᠣᠬᠢᠰᠲᠠᠢ ᠣᠷᠣᠨ ᠵᠠᠢ ᠳᠤ ᠪᠠᠶᠢᠷᠢᠯᠠᠵᠤ ᠪᠠᠶᠢᠨ᠎ᠠ᠂ ᠡᠩ ᠤᠨ ᠣᠯᠠᠨ ᠨᠡᠶᠢᠲᠡ ᠶᠢᠨ ᠲᠥᠰᠥᠪ ᠤᠨ | ᠣᠷᠣᠯᠭ᠎ᠠ 1843.2 ᠳ᠋ᠦᠩᠰᠢᠭᠤᠷ ᠲᠦᠭᠦᠷᠢᠭ ᠪᠠᠶᠢᠵᠤ᠂ 7.1% ᠪᠠᠷ ᠨᠡᠮᠡᠭᠳᠡᠪᠡ︔ ᠡᠩ ᠤᠨ ᠣᠯᠠᠨ ᠨᠡᠶᠢᠲᠠ ᠶᠢᠨ ᠲᠥᠰᠥᠪ ᠤᠨ ᠵᠠᠷᠤᠯᠭ᠎ᠠ 3884.3 | ᠳ᠋ᠦᠩᠰᠢᠭᠤᠷ ᠲᠥᠭᠦᠷᠢᠭ ᠪᠠᠶᠢᠵᠤ᠂ 5.4% ᠪᠠᠷ ᠨᠡᠮᠡᠭᠳᠡᠪᠡ᠃ ᠪᠡᠯᠡ ᠣᠷᠣᠭᠤᠯᠤᠯᠲᠠ ᠶᠢᠨ ᠨᠡᠮᠡᠭᠳᠡᠯ ᠢ ᠯᠠᠪᠳᠠᠭᠤᠨ ᠪᠠᠶᠢᠯᠭᠠᠬᠤ ᠳᠤ ᠦᠵᠡᠭᠦᠯᠵᠦ ᠪᠠᠶᠢᠭ᠎ᠠ | ᠵᠠᠩᠭᠢᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠨᠡᠶᠢᠲᠡ 1307 ᠶᠢ ᠰᠢᠨ᠎ᠡ ᠪᠠᠷ ᠪᠠᠷᠢᠯᠭ᠎ᠠ | ᠡᠬᠢᠯᠡᠭᠦᠯᠵᠦ᠂ 15% ᠪᠠᠷ ᠨᠡᠮᠡᠭᠳᠡᠪᠡ᠃ ᠪᠦᠬᠦ ᠤᠷᠤᠨ ᠳᠠᠬᠢ 500 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯᠡᠰ ᠲᠤ ᠲᠣᠭᠲᠠᠮᠠᠯ ᠬᠥᠷᠥᠩᠭᠡ ᠶᠢᠨ | ᠪᠡᠯᠡ ᠣᠷᠣᠭᠤᠯᠤᠯᠲᠠ ᠶᠢ 1.19 ᠲᠦᠮᠡᠨ ᠳ᠋ᠦᠩᠰᠢᠭᠤᠷ ᠲᠥᠭᠦᠷᠢᠭ ᠪᠡᠶᠡᠯᠡᠭᠦᠯᠵᠦ᠂ 15.7% ᠪᠠᠷ ᠨᠡᠮᠡᠭᠳᠡᠪᠡ︔ ᠤᠯᠤᠰ ᠠᠴᠠ ᠬᠠᠷᠭᠤᠭᠤᠯᠠᠨ ᠵᠦᠪᠰᠢᠶᠡᠷᠡᠭᠰᠡᠨ | ᠪᠠ ᠭᠠᠷᠭᠠᠵᠤ ᠥᠭᠭᠦᠭᠰᠡᠨ ᠪᠠᠷᠢᠮᠲᠠ ᠲᠠᠢ ᠴᠢᠬᠤᠯᠠ ᠶᠡᠭᠡ ᠡᠨᠧᠷᠭᠢ᠂ ᠰᠢᠨ᠎ᠡ ᠮᠠᠶ᠋ᠢᠭ ᠤᠨ ᠨᠡᠭᠦᠷᠡᠰᠦᠨ ᠤ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠳᠤ | 70 ᠭᠠᠷᠤᠢ ᠵᠦᠢᠯ ᠢ ᠴᠢᠷᠮᠠᠶᠢᠨ ᠣᠯᠵᠣ᠂ ᠶᠡᠷᠦᠩᠬᠡᠢ ᠪᠡᠯᠡ ᠣᠷᠣᠭᠤᠯᠤᠯᠲᠠ ᠨᠢ 8000 ᠳ᠋ᠦᠩᠰᠢᠭᠤᠷ ᠲᠥᠭᠦᠷᠢᠭ ᠣᠶᠢᠷᠠᠲᠤᠵᠤ᠂ ᠴᠢᠬᠤᠯᠠ ᠶᠡᠭᠡ ᠠᠬᠢᠴᠠ ᠲᠠᠢ 365赢多少钱会被限额_国内有真正的365平台吗_365bet博彩官网 | ᠪᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠬᠦᠴᠦᠲᠠᠢ ᠠᠬᠢᠭᠤᠯᠪᠠ᠃ ᠬᠡᠷᠡᠭᠯᠡᠭᠡᠨ ᠤ ᠰᠠᠭᠤᠷᠢ ᠦᠢᠯᠡᠳᠦᠯ ᠢ ᠪᠠᠳᠠᠷᠠᠭᠤᠯᠬᠤ ᠪᠠᠨ | ᠨᠡᠩ ᠴᠢᠬᠤᠯᠠᠴᠢᠯᠠᠨ᠂ ᠭᠦᠢᠯᠭᠡᠭᠡᠨ ᠤ ᠪᠠᠶᠢᠭᠤᠯᠤᠯ ᠤᠨ ᠦᠭᠡᠷᠡᠴᠢᠯᠡᠯᠳᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠳᠠ ᠶᠢ | ᠴᠢᠩᠭᠠᠳᠬᠠᠨ᠂ ᠣᠳᠣ ᠦᠶ᠎ᠡ ᠶᠢᠨ ᠭᠦᠢᠯᠭᠡᠭᠡᠨ ᠤ ᠠᠷᠭ᠎ᠠ ᠮᠠᠶ᠋ᠢᠭ ᠢ ᠬᠥᠭᠵᠢᠭᠦᠯᠵᠦ᠂ ᠪᠥᠬᠦ ᠨᠡᠶᠢᠭᠡᠮ ᠤᠨ ᠬᠢᠨ ᠤ ᠬᠡᠷᠡᠭᠯᠡᠭᠡᠨ ᠤ ᠪᠣᠳᠠᠰ ᠤᠨ ᠵᠢᠵᠢᠭᠯᠡᠨ | ᠬᠤᠳᠠᠯᠳᠤᠭᠰᠠᠨ ᠶᠡᠷᠦᠩᠬᠡᠢ ᠲᠤᠭ᠎ᠠ 5619.9 ᠳ᠋ᠦᠩᠰᠢᠭᠤᠷ ᠲᠥᠭᠦᠷᠢᠭ ᠪᠠᠶᠢᠵᠤ᠂ 10.6% ᠪᠠᠷ ᠨᠡᠮᠡᠭᠳᠡᠪᠡ︔ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ | ᠬᠠᠨᠭ᠍ᠰᠢ 1.6% ᠪᠠᠷ ᠳᠡᠭᠡᠭᠰᠢᠯᠡᠵᠦ᠂ ᠪᠠᠷᠠᠭᠠᠨ ᠤ ᠦᠨ᠎ᠡ ᠶᠢᠨ ᠶᠡᠷᠦᠩᠬᠡᠢ ᠬᠢᠷᠢ ᠳᠦᠪᠰᠢᠨ ᠤ ᠳᠤᠬᠳᠠᠭᠤᠨ ᠢ ᠪᠠᠳᠤᠯᠠᠪᠠ᠃ ᠠᠵᠤ ᠦᠢᠯᠡᠳᠪᠦᠷᠢ ᠶᠢᠨ ᠨᠡᠮᠡᠭᠳᠡᠯ ᠢ | ᠠᠬᠢᠭᠤᠯᠬᠤ᠂ ᠨᠡᠭᠦᠷᠡᠰᠦᠨ ᠤ ᠠᠵᠢᠯᠯᠠᠭᠠᠨ ᠢ ᠲᠣᠭᠲᠠᠪᠤᠷᠢᠵᠢᠭᠤᠯᠬᠤ᠂ ᠬᠠᠩᠭᠠᠯᠭ᠎ᠠ ᠪᠠ ᠬᠡᠷᠡᠭᠴᠡᠭᠡ ᠶᠢ ᠵᠤᠯᠭᠠᠭᠤᠯᠬᠤ ᠶᠢ ᠴᠢᠩᠭᠠᠳᠬᠠᠬᠤ ᠵᠡᠷᠭᠡ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠵᠤ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠪᠣᠯᠣᠨ ᠠᠵᠤ ᠠᠬᠤᠶᠢᠯᠠᠯ ᠤᠨ ᠡᠵᠡᠩᠨᠡᠯᠲᠡ ᠶᠢ ᠪᠥᠬᠦ | ᠬᠦᠴᠦᠨ ᠢᠶᠠᠷ ᠲᠣᠭᠲᠠᠪᠤᠷᠢᠵᠢᠭᠤᠯᠤᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 10% ᠪᠠᠷ ᠨᠡᠮᠡᠭᠳᠡᠪᠡ᠃ ᠡᠯ᠎ᠡ ᠲᠥᠷᠥᠯ ᠤᠨ | ᠰᠦᠢᠳᠭᠡᠯ ᠬᠤᠷᠢᠶᠠᠬᠤ ᠲᠥᠷᠥᠯ ᠵᠦᠢᠯ ᠳᠤ 38 ᠶᠢ ᠬᠦᠴᠦᠨ ᠦᠭᠡᠢ ᠪᠣᠯᠭᠠᠭᠰᠠᠨ ᠪᠠ ᠪᠠᠭᠤᠷᠠᠭᠤᠯᠵᠤ᠂ 30 ᠳ᠋ᠦᠩᠰᠢᠭᠤᠷ ᠲᠥᠭᠦᠷᠢᠭ ᠤᠨ ᠠᠵᠤ ᠠᠬᠤᠶᠢᠯᠠᠯ ᠤᠨ | ᠲᠠᠷᠤᠭᠠᠰᠤ ᠶᠢ ᠭᠥᠩᠭᠡᠷᠡᠭᠦᠯᠪᠡ᠃ ᠴᠠᠬᠢᠯᠭᠠᠨ ᠬᠦᠴᠦᠨ ᠤ ᠲᠠᠯ᠎ᠠ ᠪᠠᠷ ᠬᠢ ᠶᠡᠷᠦᠩᠬᠡᠶᠢᠯᠡᠨ ᠲᠡᠳᠭᠦᠭᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠡᠷᠴᠢᠮ ᠢᠶᠠᠨ | ᠴᠢᠩᠭᠠᠷᠠᠭᠤᠯᠤᠨ᠂ ᠰᠢᠨ᠎ᠡ ᠪᠠᠷ ᠨᠡᠮᠡᠭᠳᠡᠬᠦ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 750 ᠳ᠋ᠦᠩᠰᠢᠭᠤᠷ ᠲᠥᠭᠦᠷᠢᠭ᠂ ᠭᠠᠶᠢᠯᠢ ᠳᠠᠲᠠᠪᠤᠷᠢ 95 ᠳ᠋ᠦᠩᠰᠢᠭᠤᠷ | ᠲᠥᠭᠦᠷᠢᠭ᠂ ᠠᠵᠢᠯ ᠣᠯᠭᠤᠯᠲᠠ 10 ᠭᠠᠷᠤᠢ ᠲᠦᠮᠡᠨ ᠬᠥᠮᠥᠨ ᠳᠤ ᠬᠦᠷᠬᠦ ᠶᠢ ᠳᠠᠶᠢᠴᠢᠯᠠᠨ ᠳᠠᠭᠠᠭᠤᠯᠪᠠ᠃ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ | ᠭᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠬᠡᠪᠴᠢᠶᠡᠵᠢᠯ ᠠᠴᠠ ᠳᠡᠭᠡᠭᠰᠢᠬᠢ ᠲᠤᠮᠳᠠ ᠵᠢᠵᠢᠭ | ᠠᠵᠤ ᠠᠬᠤᠶᠢᠯᠠᠯ ᠤᠳ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 12.5% ᠪᠠᠷ ᠨᠡᠮᠡᠭᠳᠡᠭᠡᠳ ᠠᠵᠤ ᠦᠢᠯᠡᠳᠪᠦᠷᠢ ᠶᠢᠨ ᠨᠡᠮᠡᠭᠳᠡᠯ ᠳᠤ ᠦᠵᠡᠭᠦᠯᠦᠭᠰᠡᠨ | ᠬᠤᠪᠢ ᠨᠡᠮᠡᠷᠢ ᠶᠢᠨ ᠨᠣᠷᠮ᠎ᠠ ᠨᠢ 77.6% ᠳᠤ ᠬᠦᠷᠪᠡ᠃ | ︵ᠬᠤᠶᠠᠷ︶ ᠪᠦᠲᠦᠴᠡ ᠶᠢᠨ ᠳᠤᠬᠢᠷᠠᠭᠤᠯᠤᠯᠲᠠ ᠰᠢᠨ᠎ᠠ ᠠᠯᠬᠤᠴᠠ ᠶᠢ ᠠᠯᠬᠤᠪᠠ᠃ ︽ᠲᠠᠪᠤᠨ ᠲᠣᠮᠣ ᠰᠠᠭᠤᠷᠢᠨ ᠭᠠᠵᠠᠷ︾ ᠢ ᠪᠦᠲᠦᠭᠡᠨ | ᠪᠠᠶᠢᠭᠤᠯᠬᠤ ᠪᠠᠷ ᠭᠤᠣᠯᠳᠠᠯᠭ᠎ᠠ ᠪᠣᠯᠭᠠᠨ ᠠᠵᠤ ᠦᠢᠯᠡᠰ ᠤᠨ ᠪᠦᠲᠦᠴᠡ ᠶᠢ ᠲᠣᠬᠢᠷᠠᠭᠤᠯᠪᠠ᠃ ᠲᠠᠷᠢᠶᠠᠯᠠᠩ ᠮᠠᠯ ᠠᠵᠤ ᠠᠬᠤᠢ ᠲᠣᠭᠲᠠᠭᠤᠨ ᠢᠶᠠᠷ ᠬᠥᠭᠵᠢᠵᠦ᠂ ᠠᠮᠤ | ᠪᠤᠳᠠᠭ᠎ᠠ ᠶᠢᠨ ᠦᠢᠯᠡᠳᠪᠦᠷᠢᠯᠡᠯ ᠬᠦᠢᠲᠡᠨ ᠪᠠ ᠭᠠᠩ ᠬᠠᠭᠤᠷᠠᠢ ᠶᠢᠨ ᠨᠦᠯᠦᠭᠡᠯᠡᠯ ᠢ ᠲᠡᠪᠴᠢᠨ ᠳᠠᠬᠢᠨᠲᠠ ᠰᠠᠶᠢᠨ ᠬᠤᠷᠢᠶᠠᠯᠲᠠ ᠣᠯᠵᠤ ᠠᠮᠤ ᠪᠤᠳᠠᠭ᠎ᠠ ᠶᠢᠨ | ᠬᠤᠷᠢᠶᠠᠯᠲᠠ ᠶᠢᠨ ᠬᠡᠮᠵᠢᠶ᠎ᠡ ᠬᠤᠶᠠᠷ ᠵᠢᠯ ᠲᠠᠷᠠᠭᠠᠯᠠᠨ 550 ᠳ᠋ᠦᠩᠰᠢᠭᠤᠷ ᠵᠢᠩ ᠠᠴᠠ ᠳᠡᠭᠡᠭᠰᠢᠬᠢ ᠳᠤ ᠲᠣᠭᠲᠠᠪᠤᠷᠢᠵᠢᠪᠠ︔ ᠮᠠᠯᠵᠢᠯ ᠤᠨ ᠣᠨ ᠤ ᠮᠠᠯ ᠠᠷᠠᠴᠢᠯᠠᠨ | ᠲᠡᠵᠢᠭᠡᠵᠦ ᠪᠠᠶᠢᠭ᠎ᠠ ᠲᠤᠭ᠎ᠠ ᠲᠣᠯᠣᠭᠠᠢ 1.29 ᠳ᠋ᠦᠩᠰᠢᠭᠤᠷ ᠢ ᠳᠠᠪᠠᠵᠤ᠂ 1100 ᠲᠦᠮᠡᠨ ᠲᠤᠭ᠎ᠠ ᠲᠣᠯᠣᠭᠠᠢ ᠨᠡᠮᠡᠭᠳᠡᠪᠡ᠃ ᠠᠵᠤ ᠦᠢᠯᠡᠳᠪᠦᠷᠢ ᠶᠢᠨ | ᠬᠡᠯᠪᠡᠷᠢ ᠪᠠᠨ ᠬᠤᠪᠢᠷᠠᠭᠤᠯᠤᠨ ᠳᠡᠰ ᠲᠡᠪᠰᠢᠬᠦ ᠶᠢ ᠦᠷᠬᠦᠯᠵᠢᠯᠡᠨ ᠠᠬᠢᠭᠤᠯᠵᠤ᠂ ᠣᠳᠣ ᠦᠶ᠎ᠡ ᠶᠢᠨ ᠨᠡᠭᠦᠷᠡᠰᠦᠨ ᠤ ᠬᠢᠮᠢ ᠶᠢᠨ ᠠᠵᠤ ᠦᠢᠯᠡᠳᠪᠦᠷᠢ ᠵᠡᠷᠭᠡ ᠰᠢᠨ᠎ᠡ ᠪᠠᠷ | ᠪᠣᠢ ᠪᠣᠯᠣᠭᠰᠠᠨ ᠠᠵᠤ ᠦᠢᠯᠡᠰ ᠲᠦᠷᠭᠡᠨ ᠢᠶᠠᠷ ᠦᠰᠦᠨ ᠪᠤᠶᠢᠵᠢᠵᠤ᠂ ᠲᠣᠨᠤᠭ ᠲᠥᠬᠦᠭᠡᠷᠦᠮᠵᠢ ᠦᠢᠯᠡᠳᠬᠦ᠂ ᠳᠡᠭᠡᠳᠦ ᠰᠢᠨ᠎ᠡ ᠮᠡᠷᠭᠡᠵᠢᠯ᠂ ᠥᠩᠭᠡᠲᠦ ᠲᠡᠮᠦᠷᠯᠢᠭ | ᠪᠤᠯᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ ᠦᠢᠯᠡᠰ ᠳᠦᠷᠭᠡᠨ ᠬᠦᠭᠵᠢᠵᠦ᠂ ᠠᠵᠤ ᠦᠢᠯᠡᠳᠪᠦᠷᠢ ᠶᠢᠨ ᠨᠡᠮᠡᠭᠳᠡᠯ ᠳᠤ | ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 3.6 ᠵᠠᠭᠤᠨ ᠤ ᠴᠡᠭ ᠢᠶᠠᠷ ᠳᠡᠭᠡᠭᠰᠢᠯᠡᠨ᠂ ᠬᠤᠪᠣᠷ ᠰᠢᠷᠤᠢ᠂ ᠰᠠᠯᠬᠢᠨ ᠬᠦᠴᠦᠨ ᠤ ᠴᠠᠬᠢᠯᠭᠠᠨ᠂ ᠡᠭᠦᠯᠡᠨ | ᠪᠣᠳᠣᠯᠲᠠ᠂ ᠳᠠᠩ ᠲᠠᠯᠠᠰᠲᠤ ᠴᠠᠬᠢᠭᠤᠷ ᠤᠨ ᠠᠵᠤ ᠦᠢᠯᠡᠰ ᠤᠨ ᠬᠡᠪᠴᠢᠶᠡᠵᠢᠯ ᠨᠢ ᠪᠥᠬᠦ ᠤᠯᠤᠰ ᠤᠨ ᠠᠩᠬᠠᠨ ᠤ ᠪᠠᠶᠢᠷᠢ ᠶᠢ ᠪᠠᠲᠤᠯᠠᠪᠠ᠃ ᠤᠯᠠᠮᠵᠢᠯᠠᠯᠲᠤ ᠠᠵᠤ | ᠦᠢᠯᠡᠰ ᠤᠨ ᠥᠭᠡᠷᠡᠴᠢᠯᠡᠨ ᠳᠡᠰ ᠳᠡᠪᠰᠢᠭᠦᠯᠬᠦ ᠲᠦᠷᠭᠡᠳᠴᠦ᠂ ᠮᠡᠷᠭᠡᠵᠢᠯ ᠤᠨ ᠥᠭᠡᠷᠡᠴᠢᠯᠡᠯᠲᠡ ᠶᠢᠨ ᠣᠷᠤᠭᠤᠯᠤᠯᠲᠠ 1085 ᠳ᠋ᠦᠩᠰᠢᠭᠤᠷ ᠲᠦᠭᠦᠷᠢᠭ ᠪᠠᠶᠢᠵᠤ᠂ | ᠤᠯᠤᠰ ᠠᠴᠠ ᠪᠠᠭᠤᠯᠭᠠᠭᠰᠠᠨ ︽12 · 5︾ ᠶᠢᠨ ᠲᠦᠯᠦᠪᠵᠢᠭᠦᠯᠭᠡ ᠳᠠᠬᠢ ᠬᠤᠴᠣᠷᠤᠩᠭᠤᠢ ᠦᠢᠯᠡᠳᠪᠦᠷᠢᠯᠡᠬᠦ ᠴᠢᠳᠠᠪᠤᠷᠢ ᠶᠢ ᠰᠢᠯᠢᠭᠳᠡᠬᠦᠯᠬᠦ ᠡᠭᠦᠷᠭᠡ ᠪᠠᠨ ᠨᠢᠭᠡ ᠵᠢᠯ | ᠤᠷᠢᠳᠴᠢᠯᠠᠨ ᠪᠡᠶᠡᠯᠡᠭᠦᠯᠪᠡ᠃ ᠣᠳᠤ ᠦᠶ᠎ᠡ ᠶᠢᠨ ᠦᠢᠯᠡᠴᠢᠯᠡᠭᠡ ᠶᠢᠨ ᠦᠢᠯᠡᠰ ᠢ ᠶᠡᠬᠡᠪᠡᠷ ᠭᠥᠭᠵᠢᠭᠦᠯᠵᠦ᠂ ᠨᠠᠰᠦᠵᠢᠯ ᠤᠨ ᠠᠰᠠᠷᠠᠮᠵᠢ ᠡᠷᠡᠭᠦᠯᠵᠢᠯ᠂ ᠡᠯᠧᠺᠲᠷᠣᠨ | ᠬᠤᠳᠠᠯᠳᠤᠭᠠᠨ ᠤ ᠶᠠᠪᠤᠳᠠᠯ ᠤᠨ ᠬᠦᠭᠵᠢᠯᠳᠡ ᠶᠢ ᠠᠬᠢᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠳᠡᠯᠡᠵᠦ᠂ ᠰᠣᠶᠣᠯ᠂ ᠮᠡᠳᠡᠭᠡ ᠵᠠᠩᠭᠢ | ᠵᠡᠷᠭᠡ ᠠᠵᠤ ᠦᠢᠯᠡᠰ ᠯᠠᠪᠳᠠᠭᠤᠨ ᠢᠶᠠᠷ ᠭᠥᠭᠵᠢᠵᠦ᠂ ᠵᠢᠭᠤᠯᠴᠢᠯᠠᠯ ᠤᠨ ᠦᠢᠯᠡᠰ ᠤᠨ ᠶᠡᠷᠦᠩᠬᠡᠢ ᠣᠷᠣᠯᠭ᠎ᠠ 28.7% ᠪᠠᠷ ᠨᠡᠮᠡᠭᠳᠡᠵᠦ᠂ ᠮᠥᠩᠭᠦᠨ ᠭᠦᠢᠯᠭᠡᠭᠡ ᠶᠢᠨ | ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 15.5% ᠪᠠᠷ ᠨᠡᠮᠡᠭᠳᠡᠪᠡ᠃ ᠰᠢᠨ᠎ᠡ ᠮᠠᠶ᠋ᠢᠭ ᠤᠨ ᠬᠤᠲᠠ ᠪᠠᠯᠭᠠᠰᠤᠴᠢᠯᠠᠬᠤ | ᠠᠯᠬᠤᠴᠠ ᠪᠠᠨ ᠲᠦᠷᠭᠡᠳᠭᠡᠵᠦ᠂ ᠮᠠᠯᠵᠢᠬᠤ ᠲᠠᠷᠢᠶᠠᠯᠠᠬᠤ ᠣᠷᠣᠨ ᠠᠴᠠ ᠰᠢᠯᠵᠢᠭᠦᠯᠦᠭᠰᠡᠨ ᠬᠥᠮᠥᠨ ᠠᠮᠠ ᠶᠢ ᠬᠤᠲᠠ ᠶᠢᠨ ᠠᠷᠠᠳ ᠪᠣᠯᠭᠠᠬᠤ ᠠᠵᠢᠯ ᠢ ᠡᠮᠬᠢ | ᠵᠢᠷᠤᠮ ᠲᠠᠢ ᠪᠠᠷ ᠠᠬᠢᠭᠤᠯᠤᠨ᠂ ᠬᠤᠲᠠ ᠪᠠᠯᠭᠠᠰᠤᠴᠢᠯᠠᠬᠰᠠᠨ ᠨᠣᠷᠮ᠎ᠠ 59.5% ᠳᠤ ᠬᠦᠷᠦᠭᠰᠡᠨ ᠪᠦᠭᠡᠳ 0.8 ᠶᠢᠨ ᠵᠠᠭᠤᠨ ᠤ ᠴᠡᠭ ᠢᠶᠠᠷ ᠲᠡᠭᠡᠭᠰᠢᠯᠡᠪᠡ᠃ | ᠣᠷᠣᠨ ᠤ ᠲᠥᠪ ᠪᠣᠯᠣᠨ ᠣᠷᠣᠨ ᠪᠦᠰᠡ ᠶᠢᠨ ᠭᠤᠣᠯ ᠪᠣᠯᠬᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠢᠯᠡᠷᠬᠡᠢ ᠲᠦᠷᠭᠡᠳᠴᠦ᠂ ᠮᠠᠯᠵᠢᠬᠤ | ᠲᠠᠷᠢᠶᠠᠯᠠᠬᠤ ᠣᠷᠣᠨ ᠤ ᠲᠥᠷᠰᠥ ᠪᠠᠶᠢᠳᠠᠯ ᠳᠤ ᠢᠯᠡᠳᠳᠡ ᠬᠤᠪᠢᠷᠠᠯᠳᠠ ᠭᠠᠷᠴᠤ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠬᠥᠭᠵᠢᠯᠲᠡ ᠶᠢᠨ ᠠᠮᠢᠵᠢᠷᠠᠯ ᠤᠨ | ᠬᠦᠴᠦᠨ ᠲᠠᠰᠤᠷᠠᠯᠳᠠ ᠦᠭᠡᠢ ᠴᠢᠩᠭᠠᠷᠠᠪᠠ᠃ | ︵ᠭᠤᠷᠪᠠ︶ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠢ ᠠᠬᠢᠭᠤᠯᠪᠠ᠃ ᠤᠨ ᠤ ᠭᠤᠤᠯᠳᠠᠯᠭ᠎ᠠ ᠲᠠᠢ ᠦᠭᠡᠷᠡᠴᠢᠯᠡᠯᠳᠡ ᠶᠢᠨ ᠡᠭᠦᠷᠭᠡ ᠪᠠᠨ ᠪᠦᠬᠦᠨ ᠢ | ᠪᠡᠶᠡᠯᠡᠬᠦᠯᠪᠡ᠃ ᠰᠢ ᠶᠢᠨ ᠫᠢᠩ ᠶᠡᠷᠦᠩᠬᠡᠢ ᠱᠦᠵᠢ ᠶᠢᠨ ᠮᠠᠨ ᠤ ᠣᠷᠣᠨ ᠢ ᠵᠣᠷᠢᠬᠵᠢᠭᠤᠯᠤᠨ ᠤᠷᠢᠳᠠᠪᠡᠷ ᠶᠠᠪᠤᠭᠳᠠᠭᠤᠯᠤᠨ ᠤᠷᠢᠳᠠᠪᠠᠷ ᠲᠤᠷᠰᠢᠬᠤ ᠭᠤᠷᠪᠠᠨ ᠵᠦᠢᠯ ᠤᠨ | ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ ᠳᠤᠪᠤᠶᠢᠯᠭᠠᠨ ᠰᠠᠶᠢᠳᠤᠷ ᠠᠳᠬᠤᠵᠤ᠂ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠪᠠᠶᠢᠭᠤᠯᠤᠯᠲᠠ᠂ | ᠬᠦᠲᠦᠴᠢ ᠠᠵᠤ ᠠᠬᠤᠶᠢᠯᠠᠯ ᠪᠠ ᠮᠠᠯᠴᠢᠨ ᠲᠠᠷᠢᠶᠠᠴᠢᠨ ᠤ ᠨᠢᠭᠲᠠ ᠬᠡᠯᠪᠡᠷᠢ ᠶᠢᠨ ᠠᠰᠢᠭ ᠲᠤᠰᠠ ᠶᠢ ᠬᠤᠯᠪᠣᠯᠳᠤᠭᠤᠯᠬᠤ ᠳᠣᠭᠲᠠᠴᠠ ᠪᠠᠶᠢᠭᠤᠯᠬᠤ᠂ ᠣᠷᠣᠰ ᠮᠣᠩᠭᠤᠯ | ᠤᠯᠤᠰ ᠯᠤᠭ᠎ᠠ ᠶᠢᠨ ᠬᠠᠮᠵᠢᠯᠴᠠᠭ᠎ᠠ ᠶᠢ ᠴᠢᠩᠭᠠᠳᠬᠠᠬᠤ ᠠᠵᠢᠯ ᠤᠳ ᠯᠠᠪᠳᠠᠭᠤᠨ ᠪᠠᠳᠤᠲᠠᠢ ᠠᠬᠢᠪᠠ᠃ ᠵᠠᠰᠠᠭ ᠢ ᠴᠣᠮᠬᠠᠳᠬᠠᠵᠤ ᠡᠷᠬᠡ ᠶᠢ ᠲᠠᠯᠪᠢᠬᠤ ᠡᠷᠴᠢᠮ ᠢᠶᠠᠨ | ᠴᠢᠩᠭᠠᠷᠠᠭᠤᠯᠤᠨ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠭᠰᠡᠨ ᠲᠥᠷᠥᠯ ᠵᠦᠢᠯ ᠤᠨ 114 ᠶᠢ ᠨᠢ ᠬᠦᠴᠦᠨ | ᠦᠭᠡᠢ ᠪᠣᠯᠭᠠᠭᠰᠠᠨ ᠪᠠ ᠲᠣᠷᠣᠭᠰᠢ ᠪᠠᠭᠤᠯᠭᠠᠵᠤ 1/3 ᠪᠠᠷ ᠴᠤᠮᠠᠳᠬᠠᠪᠠ᠃ ᠠᠵᠤ ᠦᠢᠯᠡᠳᠪᠦᠷᠢ ᠬᠤᠳᠠᠯᠳᠤᠭ᠎ᠠ ᠶᠢᠨ ᠳᠠᠩᠰᠠᠯᠠᠭᠤᠯᠬᠤ ᠳᠦᠷᠢᠮ ᠤᠨ | ᠥᠭᠡᠷᠡᠴᠢᠯᠡᠯᠲᠡ ᠶᠢᠨ ᠦᠷ᠎ᠡ ᠪᠦᠲᠦᠮᠵᠢ ᠮᠡᠳᠡᠭᠳᠡᠮ᠎ᠡ ᠪᠠᠶᠢᠵᠤ᠂ ᠰᠢᠨ᠎ᠡ ᠪᠠᠷ ᠳᠠᠩᠰᠠᠯᠠᠭᠤᠯᠤᠭᠰᠠᠨ ᠠᠵᠤ ᠠᠬᠤᠶᠢᠯᠠᠯ ᠤᠨ ᠲᠥᠷᠥᠯ ᠤᠨ ᠵᠠᠬ᠎ᠠ ᠳᠡᠯᠭᠡᠭᠦᠷ ᠤᠨ ᠭᠤᠣᠯ | ᠴᠣᠭᠴᠠ ᠪᠣᠯᠣᠨ ᠳᠠᠩᠰᠠᠯᠠᠭᠤᠯᠤᠭᠰᠠᠨ ᠬᠥᠷᠥᠩᠭᠡ ᠨᠦᠭᠦᠳ ᠲᠤᠰ ᠲᠤᠰ 91% ᠪᠠ 2.2 ᠲᠠᠬᠢᠨ ᠢᠶᠠᠷ ᠨᠡᠮᠡᠭᠳᠡᠵᠦ᠂ ᠠᠵᠢᠯ ᠳᠤ ᠣᠷᠣᠯᠴᠠᠭᠰᠠᠳ 43% ᠪᠠᠷ | ᠨᠡᠮᠡᠭᠳᠡᠪᠡ᠃ ᠡᠷᠬᠡ ᠶᠢ ᠥᠷᠭᠡᠳᠭᠡᠨ ᠰᠢᠶᠠᠨ ᠢ ᠬᠦᠴᠦᠷᠬᠡᠭᠵᠢᠭᠦᠯᠬᠦ ᠲᠤᠷᠰᠢᠯᠲᠠ ᠶᠢᠨ 12 ᠬᠤᠰᠢᠭᠤ ᠰᠢᠶᠠᠨ ᠳᠤ 61 ᠵᠦᠢᠯ ᠤᠨ ᠬᠠᠮᠢᠶᠠᠷᠤᠯᠲᠠ ᠶᠢᠨ ᠡᠷᠬᠡ | ᠮᠡᠳᠡᠯ ᠢ ᠪᠠᠭᠤᠯᠭᠠᠨ ᠥᠭᠪᠡ᠃ ᠰᠠᠭᠤᠷᠢ ᠪᠡᠯᠡᠳᠭᠡᠮᠵᠢ ᠪᠣᠯᠣᠨ ᠨᠡᠭᠦᠷᠡᠰᠦᠨ ᠤ ᠬᠢᠮᠢ ᠶᠢᠨ ᠠᠵᠤ ᠦᠢᠯᠡᠳᠪᠦᠷᠢ ᠵᠡᠷᠭᠡ ᠬᠦᠷᠢᠶ᠎ᠡ ᠴᠠᠷᠠᠭ᠎ᠠ ᠳᠠᠬᠢ ᠠᠷᠠᠳ ᠤᠨ ᠲᠤᠮᠳᠠᠬᠢ | ᠬᠥᠷᠥᠩᠭᠡ ᠮᠥᠩᠭᠦ ᠳᠤ ᠬᠠᠨᠳᠤᠭᠤᠯᠤᠭᠰᠠᠨ ᠴᠢᠬᠤᠯᠠ ᠶᠡᠭᠡ ᠵᠢᠱᠢᠶ᠎ᠡ ᠦᠵᠡᠭᠦᠯᠬᠦ 50 ᠲᠥᠷᠥᠯ ᠵᠦᠢᠯ ᠢ ᠲᠦᠯᠬᠢᠨ ᠭᠠᠷᠭᠠᠪᠠ᠃ ᠴᠠᠬᠢᠯᠭᠠᠨ ᠬᠦᠴᠦᠨ ᠤ ᠵᠠᠬ᠎ᠠ | ᠳᠡᠯᠭᠡᠭᠦᠷᠴᠢᠯᠡᠬᠦ ᠥᠭᠡᠷᠡᠴᠢᠯᠡᠯᠲᠡ ᠪᠥᠬᠦ ᠤᠯᠤᠰ ᠤᠨ ᠲᠡᠷᠢᠭᠦᠨ ᠪᠠᠶᠢᠷᠢᠨ ᠳᠤ ᠣᠷᠣᠵᠣ᠂ ᠥᠪᠥᠷ ᠮᠣᠩᠭᠤᠯ ᠤᠨ ᠪᠠᠷᠠᠭᠤᠨ ᠪᠡᠶ᠎ᠡ ᠶᠢᠨ ᠭᠠᠵᠠᠷ ᠣᠷᠣᠨ ᠤ ᠴᠠᠬᠢᠯᠭᠠᠨ | ᠬᠦᠴᠦᠨ ᠤ ᠣᠯᠠᠨ ᠲᠡᠰᠢ ᠠᠷᠠᠯᠵᠢᠶᠠᠯᠠᠭᠰᠠᠨ ᠴᠠᠬᠢᠯᠭᠠᠨ ᠬᠡᠮᠵᠢᠶ᠎ᠡ 38% ᠪᠠᠷ ᠨᠡᠮᠡᠭᠳᠡᠪᠡ᠂ ᠥᠪᠥᠷ ᠮᠣᠩᠭᠤᠯ ᠤᠨ ᠵᠡᠭᠦᠨ ᠪᠡᠶ᠎ᠡ ᠶᠢᠨ ᠭᠠᠵᠠᠷ ᠣᠷᠣᠨ ᠤ ᠲᠣᠮᠣ | ᠬᠡᠷᠡᠭᠯᠡᠬᠦ ᠡᠷᠦᠬᠡ ᠳᠤ ᠰᠢᠭᠤᠳ ᠴᠠᠬᠢᠯᠭᠠᠨ ᠬᠠᠩᠭᠠᠬᠤ ᠠᠵᠢᠯ ᠢ ᠡᠬᠢᠯᠡᠭᠦᠯᠪᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ | ᠢᠳᠡᠪᠬᠢᠲᠡᠢ ᠪᠠᠷ ᠠᠬᠢᠭᠤᠯᠵᠤ᠂ ᠪᠣᠭᠤᠲᠤ ᠶᠢᠨ ᠪᠣᠯᠣᠳ ᠲᠡᠮᠦᠷ ᠤᠨ ᠦᠢᠯᠡᠳᠪᠦᠷᠢ ᠶᠢᠨ ᠲᠣᠮᠣᠬᠠᠨ ᠬᠠᠮᠲᠤ ᠶᠢᠨ ᠠᠵᠤ ᠠᠬᠤᠶᠢᠯᠠᠯ ᠡᠷᠬᠢᠯᠡᠬᠦ ᠥᠭᠡᠷᠡᠴᠢᠯᠡᠯᠲᠡ᠂ | ᠥᠪᠥᠷ ᠮᠣᠩᠭᠤᠯ ᠤᠨ ᠡᠨᠧᠷᠭᠢ ᠪᠠᠷ ᠴᠠᠬᠢᠯᠭᠠᠨ ᠡᠭᠦᠰᠭᠡᠭᠦ ᠣᠷᠣᠭᠤᠯᠣᠯᠲᠠ ᠶᠢᠨ ᠪᠦᠯᠦᠭᠯᠡᠯ ᠤᠨ ᠰᠲ᠋ᠣᠺ ᠤᠨ ᠡᠷᠬᠡ ᠶᠢᠨ ᠪᠦᠳᠦᠴᠡ ᠶᠢ ᠲᠤᠬᠢᠷᠠᠭᠤᠯᠬᠤ ᠪᠠ | ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ᠂ ᠠᠭᠤᠷᠬᠠᠢ ᠶᠢᠨ ᠦᠢᠯᠡᠰ ᠤᠨ ᠪᠦᠯᠦᠭᠯᠡᠯ᠂ ᠵᠠᠮ ᠬᠠᠷᠢᠯᠴᠠᠭ᠎ᠠ ᠶᠢᠨ ᠪᠡᠯᠡ ᠣᠷᠤᠭᠤᠯᠤᠯᠲᠠ ᠶᠢᠨ | ᠪᠦᠯᠦᠭᠯᠡᠯ ᠤᠨ ᠫᠠᠶᠢᠰᠠ ᠡᠯᠭᠦᠨ ᠠᠵᠢᠯᠯᠠᠬᠤ ᠵᠡᠷᠭᠡ ᠭᠤᠣᠯᠳᠠᠯᠭ᠎ᠠ ᠲᠠᠢ ᠠᠵᠢᠯ ᠤᠳ ᠢ ᠪᠡᠶᠡᠯᠡᠭᠦᠯᠪᠡ᠃ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ ᠵᠢᠷᠤᠮᠵᠢᠵᠤ ᠲᠡᠭᠦᠯᠳᠡᠷᠵᠢᠭᠰᠡᠨ ᠲᠥᠰᠥᠪ ᠤᠨ ᠰᠢᠰᠲ᠋ᠧᠮᠵᠢ ᠶᠢ ᠠᠩᠬ᠎ᠠ ᠠᠯᠬᠤᠮ ᠪᠠᠶᠢᠭᠤᠯᠤᠭᠠᠳ | 74 ᠰᠠᠯᠠᠭ᠎ᠠ ᠮᠥᠴᠢᠷ ᠤᠳ ᠣᠨ ᠤ ᠲᠥᠰᠥᠪ ᠢᠶᠠᠨ ᠢᠯᠡ ᠪᠣᠯᠭᠠᠪᠠ᠃ ︽ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ︾ | ᠲᠤᠷᠰᠢᠯᠲᠠ ᠶᠢᠨ ᠬᠦᠷᠢᠶ᠎ᠡ ᠬᠡᠪᠴᠢᠶ᠎ᠡ ᠪᠠᠨ ᠥᠷᠭᠡᠳᠭᠡᠨ᠂ ᠠᠵᠤ ᠠᠬᠤᠶᠢᠯᠠᠯ ᠤᠳ ᠤᠨ ᠭᠠᠶᠢᠯᠢ ᠶᠢᠨ ᠬᠠᠰᠤᠭᠳᠠᠭᠰᠠᠨ ᠬᠡᠪᠴᠢᠶ᠎ᠡ ᠨᠢ 95% ᠶᠢ ᠳᠠᠪᠠᠪᠠ᠃ ᠣᠯᠠᠨ | ᠳᠡᠰ ᠳᠠᠪᠬᠤᠷᠭ᠎ᠠ ᠶᠢᠨ ᠬᠥᠷᠥᠩᠭᠡ ᠮᠥᠩᠭᠦ ᠶᠢᠨ ᠵᠠᠬ᠎ᠠ ᠳᠡᠯᠭᠡᠭᠦᠷ ᠢ ᠲᠦᠷᠭᠡᠳᠭᠡᠨ ᠭᠥᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠰᠲ᠋ᠣᠺ ᠤᠨ ᠡᠷᠬᠡ ᠶᠢᠨ | ᠠᠷᠠᠯᠵᠢᠶ᠎ᠠ ᠶᠢᠨ ᠲᠥᠪ ᠢ ᠡᠬᠢᠯᠡᠭᠦᠯᠦᠨ ᠠᠵᠢᠯᠯᠠᠭᠤᠯᠤᠭᠠᠳ ᠠᠵᠤ ᠠᠬᠤᠶᠢᠯᠠᠯ ᠤᠳ ᠤᠨ ᠬᠥᠷᠥᠩᠭᠡ ᠮᠥᠩᠭᠦ ᠶᠢᠨ ᠵᠠᠬ᠎ᠠ ᠳᠡᠯᠭᠡᠭᠦᠷ ᠢᠶᠠᠷ ᠳᠠᠮᠵᠢᠭᠤᠯᠵᠤ ᠰᠢᠭᠤᠳ | ᠲᠤᠬᠢᠷᠠᠭᠤᠯᠤᠭᠰᠠᠨ ᠪᠡᠯᠡ 648 ᠳ᠋ᠦᠩᠰᠢᠭᠤᠷ ᠲᠥᠭᠦᠷᠢᠭ ᠪᠣᠯᠪᠠ᠃ ᠬᠦᠳᠡᠭᠡ ᠲᠤᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠬᠤᠪᠢᠴᠠᠭᠠᠲᠤ ᠲᠥᠷᠢᠮ ᠤᠨ | ᠥᠭᠡᠷᠡᠴᠢᠯᠡᠯᠲᠡ ᠶᠢ ᠠᠬᠢᠭᠤᠯᠵᠤ ᠬᠥᠳᠡᠭᠡ ᠲᠤᠰᠬᠤᠨ ᠤ ᠨᠡᠶᠢᠳᠡᠮ ᠬᠠᠷᠠᠭᠠᠯᠵᠠᠬᠤ ᠮᠥᠩᠭᠦᠨ ᠭᠦᠢᠯᠭᠡᠭᠡ ᠶᠢ ᠶᠡᠬᠡᠪᠡᠷ ᠭᠥᠭᠵᠢᠭᠦᠯᠦᠭᠰᠡᠨ ᠢᠶᠠᠷ ︽ᠲᠠᠷᠢᠶᠠᠯᠠᠩ ᠢ | ᠲᠤᠰᠠᠯᠠᠬᠤ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠴᠢᠬ︾ ᠤᠳ 78% ᠭᠠᠴᠠᠭ᠎ᠠ ᠲᠤᠰᠬᠤᠨ ᠢ ᠬᠠᠮᠤᠷᠪᠠ᠃ ᠮᠠᠯᠵᠢᠬᠤ ᠲᠠᠷᠢᠶᠠᠯᠠᠬᠤ ᠣᠷᠣᠨ ᠤ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠦᠳᠡᠭᠡ ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠲᠣᠳᠣᠯᠠᠨ ᠳᠠᠩᠰᠠᠯᠠᠵᠤ | ᠦᠨᠡᠮᠯᠡᠯ ᠣᠯᠭᠤᠬᠤ ᠲᠤᠷᠰᠢᠯᠲᠠ ᠶᠢ ᠠᠶᠢᠮᠠᠭ ᠪᠦᠷᠢ ᠶᠢᠨ 1 ᠬᠤᠰᠢᠭᠤ ᠰᠢᠶᠠᠨ ︵ᠰᠢᠶᠠᠩ ᠪᠠᠯᠭᠠᠰᠤ︶ ᠳᠤ ᠬᠦᠷᠲᠡᠯ᠎ᠡ ᠥᠷᠭᠡᠳᠭᠡᠵᠦ᠂ 10 ᠮᠠᠯᠵᠢᠬᠤ | ᠬᠤᠰᠢᠭᠤᠨ ᠳᠤ ᠨᠤᠲᠤᠭ ᠪᠡᠯᠴᠢᠭᠡᠷ ᠤᠨ ᠡᠷᠬᠡ ᠶᠢ ᠲᠣᠳᠣᠯᠠᠬᠤ ᠳᠠᠭᠠᠭᠠᠴᠢᠯᠠᠯᠲᠠ ᠶᠢᠨ ᠲᠤᠷᠰᠢᠯᠲᠠ ᠶᠢ ᠦᠷᠨᠢᠭᠦᠯᠦᠭᠡᠳ ᠬᠠᠮᠳᠤ ᠶᠢᠨ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠰᠢᠷᠣᠢ ᠶᠢᠨ ᠬᠡᠷᠡᠭᠯᠡᠬᠦ ᠡᠷᠬᠡ᠂ ᠭᠡᠷ ᠪᠠᠷᠢᠬᠤ ᠭᠠᠵᠠᠷ ᠬᠡᠷᠡᠭᠯᠡᠬᠦ ᠡᠷᠬᠡ ᠶᠢ ᠲᠣᠳᠣᠯᠠᠨ ᠳᠠᠩᠰᠠᠯᠠᠵᠤ ᠦᠨᠡᠮᠯᠡᠯ ᠣᠯᠭᠤᠭᠰᠠᠨ ᠨᠣᠷᠮ᠎ᠠ ᠲᠤᠰ ᠲᠤᠰ | 61% ᠪᠠ 67% ᠳᠤ ᠬᠦᠷᠴᠦ᠂ ᠬᠠᠮᠳᠤ ᠶᠢᠨ ᠣᠢ ᠰᠢᠭᠤᠢ ᠶᠢᠨ ᠡᠷᠬᠡ ᠶᠢ ᠲᠣᠳᠣᠯᠠᠭᠰᠠᠨ ᠨᠣᠷᠮ᠎ᠠ 99.8% ᠪᠣᠯᠪᠠ᠃ | ᠭᠠᠳᠠᠭᠠᠳᠤ ᠲᠠᠢ ᠴᠢᠯᠦᠭᠡᠲᠡᠢ ᠶᠠᠪᠤᠯᠴᠠᠬᠤ ᠬᠢᠷᠢ ᠲᠦᠪᠰᠢᠨ ᠢᠶᠠᠨ ᠪᠦᠬᠦ ᠲᠠᠯ᠎ᠠ ᠪᠠᠷ ᠲᠡᠭᠡᠭᠰᠢᠯᠡᠭᠦᠯᠪᠡ᠃ ᠣᠷᠣᠰ ᠮᠣᠩᠭᠤᠯ ᠯᠤᠭ᠎ᠠ ᠶᠢᠨ ᠪᠤᠳᠠᠳᠠᠢ ᠶᠢ | ᠡᠷᠬᠢᠮᠯᠡᠬᠦ ᠬᠠᠮᠵᠢᠯᠴᠠᠭ᠎ᠠ ᠪᠠᠨ ᠭᠦᠨᠵᠡᠬᠡᠶᠢᠷᠠᠬᠦᠯᠵᠦ᠂ ᠮᠠᠨᠵᠤᠤᠷ ᠤᠨ ᠭᠤᠣᠯᠳᠠᠯᠭ᠎ᠠ ᠲᠠᠢ ᠨᠡᠭᠡᠭᠡᠨ ᠬᠦᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ ᠤ | ᠪᠦᠲᠦᠭᠡᠨ ᠪᠠᠶᠢᠭᠤᠯᠤᠯᠲᠠ ᠡᠮᠬᠢ ᠵᠢᠷᠤᠮ ᠲᠠᠢ ᠪᠠᠷ ᠠᠬᠢᠭᠤᠯᠤᠭᠳᠠᠵᠤ᠂ ᠡᠷᠢᠶᠡᠨ ᠤ ᠭᠤᠣᠯᠳᠠᠯᠭ᠎ᠠ ᠲᠠᠢ ᠨᠡᠭᠡᠭᠡᠨ ᠭᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ | ᠣᠷᠣᠨ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠳᠡᠪᠡ᠂ ᠤᠯᠤᠰ ᠤᠨ ︽ᠲᠣᠷᠭᠠᠨ ᠵᠠᠮ ᠤᠨ ᠠᠵᠤ ᠠᠬᠤᠢ ᠶᠢᠨ ᠪᠦᠰᠡ︾ ᠶᠢ ᠪᠦᠲᠦᠭᠡᠨ ᠪᠠᠶᠢᠭᠤᠯᠬᠤ | ᠬᠦᠷᠢᠶ᠎ᠡ ᠬᠡᠪᠴᠢᠶᠡᠨ ᠳᠤ ᠮᠠᠨ ᠤ ᠣᠷᠣᠨ ᠪᠠᠭᠲᠠᠭᠳᠠᠨ ᠣᠷᠣᠵᠣ᠂ ᠤᠮᠠᠷᠠᠰᠢ ᠨᠡᠭᠡᠭᠡᠯᠲᠡ ᠬᠢᠬᠦ ᠬᠦᠬᠦᠷᠭᠡᠨ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠴᠢᠬᠤᠯᠠ | ᠠᠯᠬᠤᠮ ᠢ ᠠᠯᠬᠤᠪᠠ᠃ ᠪᠥᠬᠦ ᠵᠢᠯ ᠤᠨ ᠭᠠᠳᠠᠭᠠᠳᠤ ᠠᠷᠠᠯᠵᠢᠶ᠎ᠠ ᠶᠢᠨ ᠭᠠᠳᠠᠭᠠᠳᠤ ᠠᠴᠠ ᠣᠷᠤᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠲᠤᠭ᠎ᠠ 145.5 | ᠳ᠋ᠦᠩᠰᠢᠭᠤᠷ ᠳ᠋ᠣᠯᠯᠠᠷ ᠪᠠᠶᠢᠵᠤ᠂ 21.4% ᠪᠠᠷ ᠨᠡᠮᠡᠭᠳᠡᠪᠡ᠃ ᠣᠷᠣᠨ ᠪᠦᠰᠡ ᠶᠢᠨ ᠬᠤᠷᠰᠢᠯᠴᠠᠭ᠎ᠠ ᠪᠠᠨ ᠴᠢᠩᠭᠠᠳᠬᠠᠨ᠂ ᠪᠡᠭᠡᠵᠢᠩ ᠥᠪᠥᠷ ᠮᠣᠩᠭᠤᠯ ᠤᠨ | ᠬᠤᠷᠰᠢᠯᠴᠠᠭᠠᠨ ᠤ ᠲᠣᠭᠲᠠᠴᠠ ᠪᠠᠨ ᠲᠡᠭᠦᠯᠳᠡᠷᠵᠢᠭᠦᠯᠵᠦ᠂ ᠥᠪᠥᠷ ᠮᠣᠩᠭᠤᠯ ᠱᠠᠨ ᠰᠢ ᠾᠧᠪᠸᠢ ᠶᠢᠨ ᠤᠷᠳᠤ ᠴᠠᠭᠠᠨ ᠬᠡᠷᠡᠮ ᠠᠯᠲᠠᠨ ᠬᠤᠰᠢᠭᠤᠯᠵᠢᠨ ᠣᠷᠣᠨ ᠤ | ᠬᠠᠮᠵᠢᠯᠴᠠᠭ᠎ᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠡᠬᠢᠯᠡᠭᠦᠯᠥᠨ᠂ ᠦᠪᠦᠷ ᠮᠤᠩᠭᠤᠯ ︵ᠰᠢᠶᠠᠩᠭᠠᠡᠭ︶ ᠤᠨ ᠠᠵᠤ ᠠᠬᠤᠢ ᠶᠢᠨ ᠠᠷᠠᠯᠵᠢᠶ᠎ᠠ ᠰᠤᠶᠤᠯ ᠢ | ᠳᠡᠯᠭᠡᠷᠡᠭᠦᠯᠬᠦ ᠭᠠᠷᠠᠬ᠂ ᠨᠠᠢᠮᠠᠳᠤᠭᠠᠷ ᠬᠤᠭᠤᠴᠠᠭᠠᠨ ᠤ ᠲᠤᠮᠳᠠᠳᠤ ᠤᠯᠤᠰ ᠤᠨ ᠦᠨᠳᠦᠰᠦᠲᠡᠨ ᠤ ᠲᠠᠸᠠᠷ ᠠᠷᠠᠯᠵᠢᠶᠠᠯᠠᠬᠤ ᠴᠤᠭᠯᠠᠭᠠᠨ ᠪᠤᠯᠣᠨ ︽ᠲᠠᠶᠢᠸᠠᠨ ᠤ ᠨᠡᠷᠡᠲᠦ | ᠦᠢᠯᠡᠳᠭᠦᠨ ᠤ ᠥᠪᠥᠷ ᠮᠣᠩᠭᠤᠯ ᠳᠠᠬᠢ ᠦᠵᠡᠰᠭᠦᠯᠡᠩ︾ ᠤᠳ ᠢ ᠠᠮᠵᠢᠯᠲᠠ ᠲᠠᠢ ᠪᠠᠷ ᠡᠷᠬᠢᠯᠡᠵᠦ᠂ ᠤᠯᠤᠰ ᠤᠨ ᠲᠣᠳᠤᠭᠠᠳᠤ ︵ᠣᠷᠣᠨ ᠤ ᠭᠠᠳᠠᠨ᠎ᠠ︶ ᠠᠴᠠ | ᠣᠷᠣᠭᠤᠯᠤᠨ ᠠᠪᠴᠢᠷᠠᠭᠰᠠᠨ ᠪᠣᠳᠠᠳᠠᠢ ᠪᠡᠯᠡ ᠮᠥᠩᠭᠦ 4625 ᠳ᠋ᠦᠩᠰᠢᠭᠤᠷ ᠲᠥᠭᠦᠷᠢᠭ ᠪᠠᠶᠢᠵᠤ᠂ 5.2% ᠢᠶᠠᠷ ᠨᠡᠮᠡᠭᠳᠡᠪᠡ᠃ | ︵ᠳᠥᠷᠪᠡ︶ ᠰᠠᠭᠤᠷᠢ ᠪᠡᠯᠡᠳᠭᠡᠮᠵᠢ ᠪᠣᠯᠣᠨ ᠠᠮᠢ ᠠᠬᠤᠢ ᠶᠢᠨ ᠣᠷᠴᠢᠨ ᠲᠣᠭᠤᠷᠢᠨ ᠦᠷᠬᠦᠯᠵᠢᠯᠡᠨ ᠰᠠᠶᠢᠵᠢᠷᠠᠪᠠ᠃ ᠵᠠᠰᠠᠮᠠᠯ ᠵᠠᠮ ᠤᠨ ᠪᠦᠲᠦᠭᠡᠨ | ᠪᠠᠶᠢᠭᠤᠯᠤᠯᠲᠠ ᠳᠤ 661 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠭᠦᠯᠵᠦ᠂ ᠳᠠᠬᠢᠨᠲᠠ ᠰᠢᠨ᠎ᠡ ᠲᠦᠪᠰᠢᠨ ᠢ ᠡᠭᠦᠳᠦᠭᠰᠡᠨ ᠪᠠᠶᠢᠨ᠎ᠠ᠂ | ᠰᠢᠨ᠎ᠡ ᠪᠠᠷ ᠨᠡᠮᠡᠭᠳᠡᠭᠰᠡᠨ ᠵᠠᠰᠠᠮᠠᠯ ᠵᠠᠮ ᠤᠨ ᠤᠷᠲᠤ 3000 ᠺᠢᠯᠤᠮᠧᠲᠷ ᠪᠠᠶᠢᠵᠤ᠂ ᠡᠭᠦᠨ ᠳᠤ ᠳᠡᠭᠡᠳᠦ ᠳᠡᠰ ᠤᠨ ᠵᠠᠰᠠᠮᠠᠯ ᠵᠠᠮ 1000 ᠺᠢᠯᠤᠮᠧᠲᠷ ᠪᠠᠶᠢᠵᠤ᠂ | ᠰᠢᠨ᠎ᠡ ᠪᠠᠷ ᠨᠡᠮᠡᠭᠳᠡᠵᠦ ᠨᠡᠪᠲᠡᠷᠡᠭᠰᠡᠨ ᠪᠠᠷᠤᠭᠰᠢᠨ ᠱᠦᠢᠨᠢ ᠵᠠᠮ ᠲᠠᠢ ᠭᠠᠴᠠᠭ᠎ᠠ ᠲᠤᠰᠬᠤᠨ 720 ᠪᠠᠶᠢᠵᠤ᠂ ᠭᠠᠴᠠᠭ᠎ᠠ ᠲᠤᠰᠬᠤᠨ ᠵᠡᠬᠡᠯᠢ ᠭᠤᠳᠤᠮᠵᠢ ᠶᠢ 9619 | ᠺᠢᠯᠤᠮᠧᠲᠷ ᠬᠠᠲᠠᠷᠠᠭᠤᠯᠤᠨ ᠳᠡᠪᠢᠰᠪᠡ᠃ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠳᠤ 300 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠤᠯᠲᠠ ᠶᠢ | ᠪᠡᠶᠡᠯᠡᠭᠦᠯᠵᠦ᠂ ᠬᠦᠬᠡᠬᠤᠳᠠ ᠪᠤᠭᠤᠳᠤ ᠶᠢᠨ ᠳᠡᠭᠡᠳᠦ ᠬᠤᠷᠳᠤ ᠶᠢᠨ ᠳᠡᠮᠦᠷ ᠵᠠᠮ ᠤᠨ ᠬᠦᠳᠡᠯᠬᠡᠬᠦᠷᠳᠦ ᠳᠡᠷᠬᠡ ᠶᠢᠨ ᠴᠤᠪᠤᠭ᠎ᠠ ᠶᠢ ᠵᠢᠩᠬᠢᠨᠢ ᠪᠠᠷ ᠡᠬᠢᠯᠡᠨ ᠬᠦᠶᠦᠯᠭᠡᠵᠦ᠂ | ᠮᠠᠨ ᠤ ᠣᠷᠣᠨ ᠳᠤ ᠲᠡᠬᠡᠳᠤ ᠬᠤᠷᠳᠤ ᠶᠢᠨ ᠲᠡᠮᠦᠷ ᠵᠠᠮ ᠪᠠᠶᠢᠬᠤ ᠦᠭᠡᠢ ᠪᠠᠶᠢᠬᠰᠠᠨ ᠲᠡᠦᠬᠡ ᠶᠢ ᠡᠴᠦᠰᠯᠡᠭᠦᠯᠪᠡ︔ ᠡᠵᠡᠨ᠎ᠡ ᠠᠴᠠ ᠬᠠᠮᠢ ᠳᠤ ᠬᠦᠷᠬᠦ᠂ | ᠲᠦᠩᠯᠢᠶᠦᠦ ᠠᠴᠠ ᠬᠤᠣᠯᠢᠨ ᠭᠤᠣᠯ ᠳᠤ ᠬᠦᠷᠬᠦ ᠲᠡᠮᠦᠷ ᠵᠠᠮ ᠤᠨ ᠴᠠᠬᠢᠯᠭᠠᠨᠵᠢᠯ ᠪᠣᠯᠭᠠᠨ ᠥᠭᠡᠷᠡᠴᠢᠯᠡᠬᠦ ᠵᠡᠷᠭᠡ ᠴᠢᠬᠤᠯᠠ ᠶᠡᠭᠡ ᠲᠥᠷᠥᠯ ᠵᠦᠢᠯ ᠢ ᠪᠠᠷᠢᠯᠭ᠎ᠠ | ᠡᠬᠢᠯᠡᠭᠦᠯᠦᠨ ᠪᠦᠲᠦᠭᠡᠨ ᠪᠠᠶᠢᠭᠤᠯᠵᠤ᠂ ᠰᠢᠯᠢᠩᠬᠤᠲᠠ ᠠᠴᠠ ᠤᠯᠠᠭᠠᠠᠬᠤᠲᠠ ᠳᠤ ᠬᠥᠷᠬᠦ᠂ ᠮᠣᠨᠢ ᠠᠭᠤᠯᠠ ᠠᠴᠠ ᠰᠢᠨᠡᠪᠠᠯᠭᠠᠰᠤ ᠳᠤ ᠬᠥᠷᠬᠦ ᠵᠡᠷᠭᠡ 13 ᠲᠡᠮᠦᠷ | ᠵᠠᠮ ᠤᠨ ᠵᠦᠢᠯᠡᠰ ᠢ ᠪᠠᠶᠢᠭᠤᠯᠤᠨ ᠲᠠᠭᠤᠰᠬᠠᠵᠤ᠂ ᠰᠢᠨ᠎ᠡ ᠪᠠᠷ ᠨᠡᠮᠡᠭᠳᠡᠭᠰᠡᠨ ᠵᠥᠭᠡᠭᠡᠪᠦᠷᠢ ᠡᠵᠡᠩᠨᠡᠯᠲᠡ ᠶᠢᠨ ᠵᠠᠮ ᠤᠨ ᠤᠷᠲᠤ ᠨᠢ 1187 ᠺᠢᠯᠤᠮᠧᠲᠷ ᠪᠣᠯᠵᠤ᠂ | ᠲᠡᠮᠦᠷ ᠵᠠᠮ ᠤᠨ ᠵᠥᠭᠡᠭᠡᠪᠦᠷᠢ ᠡᠵᠡᠩᠨᠡᠯᠲᠡ ᠶᠢᠨ ᠶᠡᠷᠦᠩᠬᠡᠢ ᠤᠷᠲᠤ 1.2 ᠲᠦᠮᠡᠨ ᠺᠢᠯᠤᠮᠧᠲᠷ ᠲᠤ ᠬᠦᠷᠴᠦ᠂ ᠪᠥᠬᠦ ᠤᠯᠤᠰ ᠲᠠᠬᠢ ᠲᠦᠷᠦᠭᠦᠯᠡᠬᠦ ᠪᠠᠶᠢᠷᠢ ᠪᠠᠨ | ᠦᠷᠬᠦᠯᠵᠢᠯᠡᠨ ᠪᠠᠲᠤᠯᠠᠪᠠ᠃ ᠪᠣᠭᠤᠲᠣ᠂ ᠤᠯᠠᠭᠠᠠᠬᠠᠳᠠ ᠪᠣᠯᠣᠨ ᠤᠯᠠᠭᠠᠠᠬᠤᠲᠠ ᠨᠢᠰᠭᠡᠯ ᠤᠨ ᠪᠠᠭᠤᠳᠠᠯ ᠢ ᠦᠭᠡᠷᠡᠴᠢᠯᠡᠨ ᠥᠷᠭᠡᠳᠭᠡᠵᠦ ᠪᠠᠶᠢᠭᠤᠯᠬᠤ ᠢᠨᠵᠧᠨᠧᠷᠢᠩ ᠢ | ᠲᠠᠭᠤᠰᠬᠠᠵᠤ᠂ ᠡᠷᠢᠶᠡᠨ ᠬᠤᠳᠠ ᠶᠢᠨ ᠨᠢᠰᠭᠡᠯ ᠤᠨ ᠪᠠᠭᠤᠳᠠᠯ ᠢ ᠦᠭᠡᠷᠡᠴᠢᠯᠡᠨ ᠥᠷᠭᠡᠳᠭᠡᠵᠦ ᠪᠠᠶᠢᠭᠤᠯᠬᠤ ᠵᠡᠷᠭᠡ ᠲᠥᠷᠥᠯ ᠵᠦᠢᠯ ᠤᠳ ᠤᠯᠤᠰ ᠤᠨ ᠴᠣᠬᠤᠯᠠᠪᠤᠷᠢ ᠶᠢ | ᠣᠯᠵᠣ᠂ ᠪᠥᠬᠦ ᠣᠷᠣᠨ ᠳᠠᠬᠢ ᠠᠷᠠᠳ ᠤᠨ ᠬᠡᠷᠡᠭᠯᠡᠭᠡᠨ ᠤ ᠨᠢᠰᠭᠡᠯ ᠤᠨ ᠪᠠᠭᠤᠳᠠᠯ ᠤᠨ ᠶᠡᠷᠦᠩᠬᠡᠢ ᠲᠤᠭ᠎ᠠ 18 ᠪᠣᠯᠪᠠ᠃ ᠴᠠᠬᠢᠯᠭᠠᠨ ᠲᠤᠤᠷ ᠤᠨ ᠪᠦᠲᠦᠭᠡᠨ | ᠪᠠᠶᠢᠭᠤᠯᠤᠯᠲᠠ ᠳᠤ 165 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠥᠪᠥᠷ ᠮᠣᠩᠭᠤᠯ ᠤᠨ ᠪᠠᠷᠠᠭᠤᠨ ᠪᠡᠶ᠎ᠡ ᠶᠢᠨ ᠴᠠᠬᠢᠯᠭᠠᠨ | ᠲᠣᠣᠷ ᠲᠠᠬᠢ ᠴᠠᠬᠢᠯᠭᠠᠨ ᠬᠤᠪᠢᠰᠬᠠᠭᠤᠷ ᠤᠨ ᠪᠠᠭᠲᠠᠭᠠᠮᠵᠢ 1 ᠳ᠋ᠦᠩᠰᠢᠭᠤᠷ ᠺᠢᠯᠤᠸᠤᠯᠲ ᠠᠮᠫᠧᠷ ᠢ ᠳᠠᠪᠠᠵᠤ᠂ ᠴᠠᠬᠢᠯᠭᠠᠨ ᠲᠣᠣᠷ ᠤᠨ ᠬᠡᠪᠴᠢᠶᠠᠵᠢᠯ ᠲᠡᠦᠬᠡᠲᠦ | ᠴᠢᠨᠠᠷᠲᠠᠢ ᠰᠢᠪᠲᠤᠯᠤᠯᠲᠠ ᠶᠢ ᠪᠡᠶᠡᠯᠡᠭᠦᠯᠵᠦ᠂ ᠰᠢᠯᠢᠩᠬᠤᠲᠠ ᠠᠴᠠ ᠵᠢᠨᠠᠨ ᠳᠤ ᠬᠦᠷᠬᠦ ᠣᠨᠴᠠ ᠥᠨᠳᠥᠷ ᠬᠦᠴᠦᠳᠡᠯ ᠤᠨ ᠴᠠᠬᠢᠯᠭᠠᠨ ᠬᠦᠴᠦᠨ ᠢ ᠭᠠᠳᠠᠭᠰᠢ ᠰᠠᠭᠠᠳ | ᠦᠭᠡᠢ ᠳᠠᠮᠵᠢᠭᠤᠯᠬᠤ ᠠᠵᠢᠯ ᠢᠶᠠᠨ ᠪᠥᠬᠦ ᠲᠠᠯ᠎ᠠ ᠪᠠᠷ ᠡᠬᠢᠯᠡᠭᠦᠯᠵᠦ᠂ ᠲᠠᠷᠢᠶᠠᠯᠠᠩ ᠳᠤ ᠬᠡᠷᠡᠭᠯᠡᠬᠦ ᠴᠠᠬᠢᠯᠭᠠᠨ ᠲᠣᠣᠷ ᠢ ᠦᠭᠡᠷᠡᠴᠢᠯᠡᠵᠦ ᠳᠡᠰ ᠲᠡᠪᠰᠢᠭᠦᠯᠬᠦ ᠲᠥᠷᠥᠯ | ᠵᠦᠢᠯ ᠢᠶᠠᠨ ᠪᠦᠬᠦᠨ ᠢ ᠪᠡᠶᠡᠯᠡᠭᠦᠯᠪᠡ᠃ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠳᠤ 150 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠤᠯᠲᠠ ᠶᠢ | ᠪᠡᠶᠡᠯᠡᠭᠦᠯᠵᠦ᠂ ᠣᠶᠢᠷ᠎ᠠ ᠶᠢᠨ ᠬᠤᠭᠤᠴᠠᠭᠠᠨ ᠳᠠᠬᠢ ᠬᠠᠲᠤᠨ ᠭᠤᠣᠯ ᠤᠨ ᠦᠶᠡᠷ ᠠᠴᠠ ᠰᠡᠷᠭᠡᠶᠢᠯᠡᠬᠦ ᠢᠨᠵᠧᠨᠧᠷᠢᠩ ᠤᠨ ᠪᠠᠷᠢᠯᠭ᠎ᠠ ᠶᠢ ᠲᠠᠭᠤᠰᠬᠠᠵᠤ᠂ ᠬᠠᠶᠢᠷᠤᠪ ᠤᠨ | ᠲᠣᠬᠤᠢ ᠤᠰᠤᠨ ᠠᠰᠢᠭᠯᠠᠯᠲᠠ ᠶᠢᠨ ᠬᠦᠢᠰᠦ ᠶᠢᠨ ᠭᠤᠣᠯ ᠴᠣᠭᠴᠠ ᠶᠢᠨ ᠢᠨᠵᠧᠨᠧᠷᠢᠩ᠂ ᠬᠦᠯᠦᠨ ᠨᠠᠭᠤᠷ ᠤᠨ ᠠᠮᠢ ᠠᠬᠤᠢ ᠶᠢ ᠵᠠᠰᠠᠬᠤ ᠢᠨᠵᠧᠨᠧᠷᠢᠩ ᠤᠨ | ᠠᠵᠢᠯ ᠢᠶᠠᠨ ᠦᠨᠳᠦᠰᠦᠨ ᠳᠡᠭᠡᠨ ᠲᠠᠭᠤᠰᠬᠠᠵᠤ᠂ ᠵᠠᠳᠤᠨ ᠤᠰᠤᠨ ᠠᠰᠢᠭᠯᠠᠯᠲᠠ ᠶᠢᠨ ᠬᠦᠢᠰᠦ ᠵᠡᠷᠭᠡ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠠᠬᠢᠴᠠ ᠤᠷᠤᠭᠰᠢᠲᠠᠢ | ᠪᠠᠶᠢᠵᠤ᠂ ᠨᠢᠷᠵᠢ ᠤᠰᠤᠨ ᠠᠰᠢᠭᠯᠠᠯᠲᠠ ᠶᠢᠨ ᠬᠦᠢᠰᠦ ᠳᠠᠬᠢ ᠲᠣᠣᠷᠠᠲᠤ ᠤᠷᠤᠰᠬᠠᠯ ᠤᠨ ᠤᠰᠤᠯᠠᠯᠲᠠ ᠶᠢᠨ ᠣᠷᠣᠨ ᠢ ᠠᠵᠢᠯ ᠡᠬᠢᠯᠡᠭᠦᠯᠦᠨ ᠪᠠᠶᠢᠭᠤᠯᠪᠠ᠃ | ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠪᠠᠶᠢᠭᠤᠯᠤᠯᠲᠠ ᠶᠢ ᠴᠢᠩᠭᠠᠳᠬᠠᠪᠠ᠃ ᠨᠤᠲᠤᠭ ᠪᠡᠯᠴᠢᠭᠡᠷ ᠤᠨ ᠠᠮᠢ ᠠᠬᠤᠢ ᠶᠢᠨ | ᠨᠦᠬᠦᠪᠦᠷᠢᠥᠭᠴᠦ ᠱᠠᠩᠨᠠᠬᠤ ᠳᠦᠷᠦ ᠶᠢᠨ ᠪᠤᠳᠤᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠱᠠᠲᠤ ᠦᠶᠡᠯᠡᠯ ᠤᠨ ᠴᠢᠨᠠᠷᠲᠠᠢ ᠮᠠᠯᠵᠢᠬᠤ ᠶᠢ ᠵᠣᠭᠰᠤᠭᠠᠬᠤ ᠪᠠ | ᠪᠡᠯᠴᠢᠭᠡᠷ ᠮᠠᠯ ᠢ ᠲᠡᠩᠴᠡᠭᠦᠷᠢᠲᠡᠢ ᠪᠠᠶᠢᠯᠭᠠᠬᠤ ᠳᠥᠷᠢᠮ ᠢ ᠴᠢᠩᠭ᠎ᠠ ᠬᠡᠷᠡᠭᠵᠢᠭᠦᠯᠦᠨ᠂ 26 ᠬᠤᠰᠢᠭᠤ ᠰᠢᠶᠠᠨ ᠳᠤ ᠦᠨᠳᠦᠰᠦᠨ ᠨᠤᠲᠤᠭ ᠪᠡᠯᠴᠢᠭᠡᠷ ᠤᠨ ᠬᠤᠪᠢᠶᠠᠷᠢᠯᠠᠨ | ᠲᠣᠭᠲᠠᠭᠠᠬᠤ ᠠᠵᠢᠯ ᠢ ᠥᠷᠨᠢᠭᠦᠯᠵᠦ᠂ ᠨᠤᠲᠤᠭ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠬᠡᠪᠴᠢᠶᠡᠵᠢᠯ 5106 ᠲᠦᠮᠡᠨ ᠮᠦ ᠪᠣᠯᠪᠠ᠃ ᠣᠢ | ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠠᠯᠠᠪᠠᠢ ᠳᠤ 1008 ᠲᠦᠮᠡᠨ ᠮᠦ ᠶᠢ ᠪᠡᠶᠡᠯᠡᠭᠦᠯᠵᠦ᠂ ᠭᠤᠣᠯᠳᠠᠯᠭ᠎ᠠ ᠪᠣᠯᠬᠤ ᠣᠷᠣᠨ ᠪᠦᠰᠡ ᠶᠢᠨ | 209 ᠲᠦᠮᠡᠨ ᠮᠦ ᠶᠢ ᠣᠶᠢᠵᠢᠭᠤᠯᠵᠦ᠂ ᠬᠥᠷᠥᠰᠥ ᠰᠢᠷᠣᠢ ᠶᠢᠨ ᠢᠳᠡᠭᠳᠡᠯ ᠤᠨ ᠲᠠᠯᠠᠪᠠᠢ ᠳᠤ 650 ᠲᠦᠮᠡᠨ ᠮᠦ ᠶᠢ ᠵᠠᠰᠠᠪᠠ᠃ ᠲᠡᠭᠷᠢ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠲᠠᠬᠢ ᠪᠣᠬᠢᠷᠳᠣᠯ ᠤᠨ ᠬᠡᠷᠡᠭ ᠠᠴᠠ ᠭᠦᠨᠵᠡᠭᠡᠢ ᠰᠤᠷᠭᠠᠮᠵᠢ ᠠᠪᠴᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠴᠡᠭᠴᠡᠯᠡᠨ ᠵᠠᠰᠠᠬᠤ ︽ | ᠵᠠᠭᠤᠨ ᠬᠤᠨᠤᠭ ᠤᠨ ᠠᠵᠢᠯᠯᠠᠭ᠎ᠠ︾ ᠶᠢ ᠯᠠᠪᠳᠠᠭᠤᠨ ᠢᠶᠠᠷ ᠥᠷᠨᠢᠭᠦᠯᠦᠨ᠂ 184 ᠵᠦᠢᠯ ᠤᠨ ᠣᠷᠴᠢᠨ ᠲᠣᠭᠤᠷᠢᠨ ᠤ ᠳᠠᠯᠳᠠ ᠭᠡᠮ ᠪᠣᠯᠣᠨ ᠴᠢᠬᠤᠯᠠ ᠶᠡᠭᠡ | ᠠᠰᠠᠭᠤᠳᠠᠯ ᠢ ᠬᠤᠭᠤᠴᠠᠭ᠎ᠠ ᠬᠢᠵᠠᠭᠠᠷᠯᠠᠵᠤ ᠪᠠᠶᠢᠭᠠᠳ ᠴᠡᠭᠴᠡᠯᠡᠨ ᠵᠠᠰᠠᠵᠤ᠂ 469 ᠠᠵᠤ ᠠᠬᠤᠶᠢᠯᠠᠯ ᠤᠨ ᠡᠭᠦᠳᠡ ᠶᠢ ᠨᠢ ᠬᠠᠭᠠᠯᠭᠠᠵᠤ ᠦᠢᠯᠡᠳᠪᠦᠷᠢᠯᠡᠯ ᠢ ᠨᠢ | ᠵᠣᠭᠰᠤᠭᠠᠪᠠ᠃ ᠠᠭᠠᠷ ᠮᠠᠨᠳᠠᠯ ᠤᠨ ᠪᠣᠬᠢᠷᠳᠤᠯ ᠢ ᠰᠡᠷᠭᠡᠶᠢᠯᠡᠨ ᠵᠠᠰᠠᠬᠤ ᠪᠠ APEC ᠬᠤᠷᠠᠯ ᠤᠨ ᠬᠤᠭᠤᠴᠠᠭᠠᠨ ᠳᠠᠬᠢ ᠠᠭᠠᠷ ᠠᠮᠢᠰᠬᠤᠯ ᠤᠨ ᠶᠠᠰᠤ ᠴᠢᠨᠠᠷ ᠢ | ᠪᠠᠲᠤᠯᠠᠬᠤ ᠠᠵᠢᠯ ᠢᠶᠠᠨ ᠦᠨᠡᠨᠬᠦ ᠴᠢᠩᠭᠠᠳᠬᠠᠨ᠂ ᠭᠤᠣᠯᠳᠠᠯᠭ᠎ᠠ ᠲᠠᠢ ᠠᠵᠢᠯ ᠲᠦᠷᠥᠯ ᠤᠨ ᠬᠢᠨ ᠤ ᠬᠦᠬᠦᠷ ᠦᠭᠡᠶᠢᠳᠡᠭᠦᠯᠭᠦ ᠪᠠ ᠱᠠᠤ ᠦᠭᠡᠶᠢᠳᠡᠭᠦᠯᠬᠦ ᠵᠢᠴᠢ ᠲᠣᠭᠤᠰᠣ | ᠠᠷᠢᠯᠭᠠᠬᠤ ᠶᠢ ᠦᠭᠡᠷᠡᠴᠢᠯᠡᠬᠦ ᠪᠠᠨ ᠴᠢᠩᠭᠠᠷᠠᠭᠤᠯᠵᠤ᠂ ᠭᠤᠣᠯᠳᠠᠯᠭ᠎ᠠ ᠲᠠᠢ ᠰᠠᠪᠠ ᠭᠠᠵᠠᠷ ᠤᠨ ᠤᠰᠤᠨ ᠤ ᠪᠣᠬᠢᠷᠳᠣᠯ᠂ ᠬᠦᠨᠳᠦ ᠲᠡᠮᠦᠷᠯᠢᠭ ᠤᠨ ᠪᠣᠬᠢᠷᠳᠣᠯ ᠢ | ᠰᠡᠷᠭᠡᠶᠢᠯᠡᠨ ᠵᠠᠰᠠᠬᠤ ᠪᠠ ᠭᠤᠣᠯᠳᠠᠯᠭ᠎ᠠ ᠲᠠᠢ ᠣᠷᠣᠨ ᠪᠦᠰᠡ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠪᠠᠨ ᠠᠬᠢᠭᠤᠯᠤᠨ᠂ ᠨᠢᠭᠡᠴᠢ ᠦᠢᠯᠡᠳᠪᠦᠷᠢᠯᠡᠯ ᠤᠨ | ᠶᠡᠷᠦᠩᠬᠡᠢ ᠥᠷᠲᠡᠭ ᠤᠨ ᠡᠨᠧᠷᠭᠢ ᠶᠢᠨ ᠬᠤᠷᠣᠭᠳᠠᠯ ᠪᠣᠯᠣᠨ ᠨᠡᠭᠦᠷᠡᠰᠦᠳᠦ᠋ᠷᠦᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠬᠤ ᠬᠡᠮᠵᠢᠶ᠎ᠡ ᠪᠠᠨ ᠲᠤᠰ ᠲᠤᠰ 3.9% | ᠪᠣᠯᠣᠨ 5% ᠪᠠᠷ ᠪᠠᠭᠤᠷᠠᠭᠤᠯᠵᠤ᠂ ︽12 · 5︾ ᠶᠢᠨ ᠲᠦᠯᠦᠪᠵᠢᠬᠦᠯᠬᠡ ᠳᠠᠬᠢ ᠡᠨᠧᠷᠭᠢ ᠠᠷᠪᠢᠯᠠᠬᠤ ᠪᠠ ᠨᠡᠭᠦᠷᠡᠰᠦᠳᠦ᠋ᠷᠦᠭᠴᠢ ᠭᠠᠳᠠᠭᠰᠢᠯᠠᠭᠤᠯᠬᠤ ᠬᠠᠷᠠᠯᠳᠠ ᠪᠠᠨ | ᠨᠢᠭᠡ ᠵᠢᠯ ᠤᠷᠢᠳᠴᠢᠯᠠᠨ ᠪᠡᠶᠡᠯᠡᠭᠦᠯᠪᠡ᠃ | ︵ᠲᠠᠪᠤ︶ ᠠᠷᠠᠳ ᠤᠨ ᠠᠮᠢᠳᠣᠷᠠᠯ ᠢ ᠪᠠᠳᠣᠯᠠᠨ ᠰᠠᠶᠢᠵᠢᠷᠠᠭᠤᠯᠬᠤ ᠠᠵᠢᠯ ᠰᠢᠨ᠎ᠡ ᠠᠬᠢᠴᠠ ᠲᠠᠢ ᠪᠣᠯᠪᠠ᠃ ᠠᠷᠠᠳ ᠢ ᠤᠷᠢᠳᠠᠪᠡᠷ ᠪᠠᠶᠠᠵᠢᠭᠤᠯᠬᠤ ᠪᠠᠷ | ᠵᠢᠯᠣᠭᠤᠳᠤᠮᠵᠢ ᠪᠣᠯᠭᠠᠬᠤ ᠶᠢ ᠪᠠᠷᠢᠮᠳᠠᠯᠠᠨ᠂ ︽ᠠᠯᠪᠠᠨ ᠤ ᠭᠤᠷᠪᠠᠨ ᠵᠠᠷᠤᠳᠠᠯ︾ ᠵᠡᠷᠭᠡ ᠡᠩ ᠤᠨ ᠴᠢᠨᠠᠷᠲᠠᠢ ᠵᠠᠷᠤᠯᠭ᠎ᠠ ᠶᠢ ᠦᠷᠭᠦᠯᠵᠢᠯᠡᠨ ᠪᠠᠭᠠᠰᠬᠠᠵᠤ᠂ | ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠵᠠᠷᠤᠯᠭ᠎ᠠ ᠶᠢ ᠤᠷᠢᠳᠠᠪᠡᠷ ᠪᠠᠳᠤᠯᠠᠨ᠂ ᠡᠯ᠎ᠡ ᠱᠠᠳᠤᠨ ᠤ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠳᠠᠬᠢ ᠵᠠᠷᠤᠯᠭ᠎ᠠ | 2440 ᠳ᠋ᠦᠩᠰᠢᠭᠤᠷ ᠲᠦᠭᠦᠷᠢᠭ ᠪᠠᠶᠢᠵᠤ᠂ ᠡᠩ ᠤᠨ ᠣᠯᠠᠨ ᠨᠡᠶᠢᠳᠠ ᠶᠢᠨ ᠲᠦᠰᠦᠪ ᠤᠨ ᠵᠠᠷᠤᠯᠭ᠎ᠠ ᠶᠢᠨ 63% ᠶᠢ ᠡᠵᠡᠯᠡᠪᠡ᠃ ᠬᠤᠳᠡ ᠪᠠᠯᠭᠠᠰᠤ ᠶᠢᠨ ᠪᠠᠶᠢᠩᠭᠤ | ᠰᠠᠭᠤᠭ᠎ᠠ ᠰᠠᠭᠤᠭᠠᠯᠢ ᠠᠷᠠᠳ ᠤᠨ ᠬᠦᠮᠦᠨ ᠪᠦᠷᠢ ᠶᠢᠨ ᠡᠵᠡᠮᠳᠡᠵᠤ ᠪᠣᠯᠬᠤ ᠲᠤᠮᠳᠠᠴᠢ ᠣᠷᠤᠯᠭ᠎ᠠ 28350 ᠲᠦᠭᠦᠷᠢᠭ ᠪᠠᠶᠢᠵᠤ᠂ 9% ᠪᠠᠷ ᠨᠡᠮᠡᠭᠳᠡᠪᠡ︔ | ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠪᠦᠷᠢ ᠶᠢᠨ ᠡᠵᠡᠮᠳᠡᠵᠤ ᠪᠣᠯᠬᠤ ᠲᠤᠮᠳᠠᠴᠢ ᠣᠷᠤᠯᠭ᠎ᠠ 9976 ᠲᠦᠭᠦᠷᠢᠭ | ᠪᠠᠶᠢᠵᠤ᠂ 11% ᠪᠠᠷ ᠨᠡᠮᠡᠭᠳᠡᠵᠤ᠂ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠠᠴᠠ ᠳᠦᠷᠭᠡᠳᠪᠡ᠃ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠬᠤ | ᠢᠨᠵᠧᠨᠧᠷᠢᠩ ᠢ ᠬᠦᠴᠦᠯᠡᠨ ᠠᠬᠢᠭᠤᠯᠵᠤ᠂ ᠬᠤᠳᠡ ᠪᠠᠯᠭᠠᠰᠤ ᠶᠢᠨ ᠠᠵᠢᠯ ᠣᠯᠭᠤᠯᠳᠠ ᠳᠤ ᠰᠢᠨ᠎ᠡ ᠪᠠᠷ 27.2 ᠲᠦᠮᠡᠨ ᠬᠦᠮᠦᠨ ᠨᠡᠮᠡᠭᠳᠡᠭᠦᠯᠵᠦ᠂ ᠮᠠᠯᠴᠢᠨ | ᠲᠠᠷᠢᠶᠠᠴᠢᠨ ᠬᠦᠳᠡᠯᠮᠦᠷᠢ ᠬᠦᠴᠦᠨ ᠢ 250 ᠲᠦᠮᠡᠨ ᠬᠦᠮᠦᠨ ᠢ ᠰᠢᠯᠵᠢᠭᠦᠯᠦᠨ ᠠᠵᠢᠯ ᠣᠯᠭᠤᠵᠤ᠂ 14.5 ᠲᠦᠮᠡᠨ ᠲᠤᠰ ᠵᠢᠯ ᠪᠠ ᠦᠡᠭᠭᠡᠷᠡᠭᠰᠡᠨ ᠵᠢᠯ ᠤᠳ ᠤᠨ | ᠲᠡᠭᠡᠳᠤ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠶᠢ ᠨᠠᠶᠢᠳᠠᠪᠤᠷᠢᠵᠢᠭᠤᠯᠤᠨ᠂ ᠬᠤᠳᠡ ᠪᠠᠯᠭᠠᠰᠤ ᠶᠢᠨ ᠠᠵᠢᠯ ᠠᠯᠳᠠᠯᠳᠠ ᠶᠢᠨ ᠲᠠᠩᠰᠠᠯᠠᠭᠤᠯᠬᠤ ᠨᠣᠷᠮ᠎ᠠ ᠶᠢ | 3.6% ᠶᠢᠨ ᠨᠡᠯᠢᠶᠡᠳ ᠲᠣᠣᠷ᠎ᠠ ᠬᠢᠷᠢ ᠬᠡᠮᠵᠢᠶᠡᠨ ᠳᠤ ᠬᠢᠵᠠᠭᠠᠷᠯᠠᠪᠠ᠃ ᠶᠠᠳᠠᠭᠤ ᠶᠢ ᠲᠡᠳᠭᠦᠨ ᠪᠣᠭᠤᠮᠳᠠ ᠰᠢᠪᠳᠤᠯᠠᠬᠤ ᠢᠨᠵᠧᠨᠧᠷᠢᠩ ᠢ ᠶᠡᠬᠡᠪᠡᠷ ᠲᠦᠯᠬᠢᠨ | ᠠᠬᠢᠭᠤᠯᠵᠤ᠂ ᠶᠠᠳᠠᠭᠤ ᠶᠢ ᠲᠡᠳᠭᠦᠭᠦ ᠠᠵᠢᠯ ᠤᠨ ᠲᠣᠭᠳᠠᠴᠠ ᠶᠢ ᠰᠢᠨ᠎ᠡ ᠪᠠᠷ ᠡᠭᠦᠳᠴᠤ᠂ ᠣᠳᠣᠷᠢᠳᠬᠤ ᠺᠠᠳ᠋ᠷ ᠤᠨ ᠶᠠᠳᠠᠭᠤ ᠬᠦᠴᠢᠷᠳᠡᠯᠲᠡᠢ ᠭᠠᠵᠠᠷ ᠯᠤᠭ᠎ᠠ | ᠬᠠᠷᠢᠯᠴᠠᠵᠤ ︽ᠭᠤᠷᠪᠠ ᠶᠢ ᠲᠣᠰᠬᠤᠨ ᠬᠢᠭᠡᠳ ᠡᠷᠦᠬᠡ ᠳᠤ ᠬᠦᠷᠦᠭᠦᠯᠭᠦ︾ ᠣᠨᠢᠨ ᠳᠡᠭᠡᠷ᠎ᠡ ᠨᠢ ᠶᠠᠳᠠᠭᠤ ᠶᠢ ᠲᠡᠳᠭᠦᠭᠦ ᠵᠡᠷᠭᠡ ᠠᠷᠭ᠎ᠠ ᠬᠡᠮᠵᠢᠶ᠎ᠠ ᠶᠢ ᠬᠡᠷᠡᠭᠵᠢᠭᠦᠯᠵᠦ᠂ | ᠪᠡᠯᠡ ᠮᠦᠩᠭᠦ ᠶᠢᠨ ᠣᠷᠣᠭᠤᠯᠣᠯᠳᠠ 100 ᠭᠠᠷᠤᠢ ᠳ᠋ᠦᠩᠰᠢᠭᠤᠷ ᠲᠦᠭᠦᠷᠢᠭ ᠪᠠᠶᠢᠵᠦ᠂ 40 ᠲᠦᠮᠡᠨ ᠶᠠᠳᠠᠭᠤ ᠬᠦᠴᠢᠷᠳᠡᠯᠲᠡᠢ ᠬᠦᠮᠦᠨ ᠠᠮᠠ ᠶᠢ ᠲᠣᠭᠳᠠᠭᠤᠨ ᠢᠶᠠᠷ | ᠶᠠᠳᠠᠭᠤ ᠠᠴᠠ ᠨᠢ ᠠᠩᠭᠢᠵᠢᠷᠠᠭᠤᠯᠪᠠ᠃ ᠠᠷᠠᠳ ᠣᠯᠠᠨ ᠤ ᠬᠢᠮᠳᠠ ᠤᠷᠤᠨ ᠰᠠᠭᠤᠴᠠ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ᠂ ᠡᠯ᠎ᠡ ᠲᠦᠷᠦᠯ ᠤᠨ | ᠪᠠᠳᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢ 24 ᠲᠦᠮᠡᠨ ᠢᠵᠢ ᠪᠠᠷᠢᠯᠭ᠎ᠠ ᠡᠬᠢᠯᠡᠭᠦᠯᠦᠨ᠂ 22.9 ᠲᠦᠮᠡᠨ ᠢᠵᠢ ᠪᠠᠷᠢᠯᠭ᠎ᠠ ᠶᠢ ᠦᠨᠳᠦᠰᠦᠨ ᠳᠡᠭᠡᠨ ᠪᠦᠳᠦᠭᠡᠨ | ᠪᠠᠶᠢᠭᠤᠯᠵᠤ᠂ ᠪᠦᠬᠦ ᠵᠢᠯ ᠤᠨ ᠬᠠᠷᠠᠯᠳᠠ ᠪᠠᠨ ᠲᠠᠪᠠᠭᠤᠯᠣᠨ ᠪᠡᠶᠡᠯᠡᠭᠦᠯᠪᠡ︔ 17 ᠲᠦᠮᠡᠨ ᠡᠷᠦᠬᠡ ᠮᠠᠯᠵᠢᠬᠤ ᠲᠠᠷᠢᠶᠠᠯᠠᠬᠤ ᠣᠷᠣᠨ ᠤ ᠨᠣᠷᠠᠬᠤ ᠠᠶᠤᠯ ᠲᠠᠢ ᠭᠡᠷ | ᠪᠠᠶᠢᠰᠢᠩ ᠢ ᠪᠠᠷᠢᠯᠭ᠎ᠠ ᠡᠬᠢᠯᠡᠭᠦᠯᠦᠨ ᠰᠢᠨᠡᠳᠭᠡᠨ ᠵᠠᠰᠠᠵᠤ᠂ ᠣᠯᠣᠰ ᠤᠨ ᠪᠠᠭᠤᠯᠭᠠᠭᠰᠠᠨ ᠡᠭᠦᠷᠭᠡ ᠶᠢᠨ ᠬᠡᠮᠵᠢᠶ᠎ᠠ ᠠᠴᠠ 1 ᠲᠠᠬᠢᠨ ᠲᠠᠪᠠᠪᠠ᠃ ᠪᠣᠭᠤᠳᠤ ᠶᠢᠨ ᠬᠦᠷᠡᠯ | ᠰᠢᠯᠢ᠂ ᠤᠯᠠᠭᠠᠠᠬᠠᠳᠠ ᠶᠢᠨ ᠲᠡᠮᠣᠷ ᠵᠠᠮ ᠠᠴᠠ ᠡᠮᠦᠨᠡᠭᠦᠷ᠂ ᠬᠢᠩᠭᠠᠨ ᠠᠶᠢᠮᠠᠭ ᠤᠨ ᠷᠠᠰᠢᠶᠠᠨ ᠵᠡᠷᠭᠡ ᠭᠤᠣᠯᠳᠠᠯᠭ᠎ᠠ ᠲᠠᠢ ᠲᠦᠭᠦᠮ ᠪᠦᠳᠦᠭᠦᠯᠢᠭ ᠣᠷᠣᠨ ᠰᠠᠭᠤᠴᠠ ᠶᠢ | ᠰᠢᠨᠡᠳᠭᠡᠨ ᠵᠠᠰᠠᠬᠤ ᠠᠬᠢᠴᠠ ᠤᠷᠤᠭᠰᠢᠲᠠᠢ ᠶᠠᠪᠣᠭᠳᠠᠪᠠ᠃ ᠮᠠᠯᠵᠢᠬᠤ ᠲᠠᠷᠢᠶᠠᠯᠠᠬᠤ ᠣᠷᠣᠨ ᠤ ᠦᠢᠯᠡᠳᠪᠦᠷᠢᠯᠡᠯ ᠠᠮᠢᠳᠣᠷᠠᠯ ᠤᠨ ᠨᠦᠬᠦᠴᠡᠯ ᠢ ᠦᠨᠳᠦᠰᠦᠨ ᠠᠴᠠ ᠨᠢ | ᠰᠠᠶᠢᠵᠢᠷᠠᠭᠤᠯᠬᠤ ᠠᠴᠠ ᠪᠣᠳᠣᠯᠬᠢᠯᠠᠵᠤ᠂ ᠮᠠᠯᠵᠢᠬᠤ ᠲᠠᠷᠢᠶᠠᠯᠠᠬᠤ ᠣᠷᠣᠨ ᠤ ︽ᠠᠷᠪᠠ ᠪᠠᠷ ᠪᠦᠬᠦᠨ ᠢ ᠬᠠᠮᠣᠷᠬᠤ︾ ᠢᠨᠵᠧᠨᠧᠷᠢᠩ ᠢ ᠡᠬᠢᠯᠡᠭᠦᠯᠦᠨ ᠬᠡᠷᠡᠭᠵᠢᠭᠦᠯᠵᠤ᠂ | 216 ᠳ᠋ᠦᠩᠰᠢᠭᠤᠷ ᠲᠦᠭᠦᠷᠢᠭ ᠤᠨ ᠪᠠᠯᠡ ᠣᠷᠣᠭᠤᠯᠣᠯᠳᠠ ᠶᠢ ᠪᠡᠶᠡᠯᠡᠭᠦᠯᠵᠤ᠂ 3495 ᠭᠠᠴᠠᠭ᠎ᠠ ᠲᠣᠰᠬᠤᠨ ᠪᠦᠳᠦᠭᠡᠨ ᠪᠠᠶᠢᠭᠤᠯᠤᠯᠳᠠ ᠶᠢᠨ ᠡᠭᠦᠷᠭᠡ ᠪᠠᠨ | ᠪᠡᠶᠡᠯᠡᠭᠦᠯᠪᠡ︔ ᠣᠷᠣᠯᠭ᠎ᠠ ᠪᠠᠭ᠎ᠠ ᠲᠠᠢ ᠮᠠᠯᠵᠢᠬᠤ ᠲᠠᠷᠢᠶᠠᠯᠠᠬᠤ ᠡᠷᠦᠬᠡ ᠶᠢᠨ ᠡᠷᠦᠬᠡ ᠪᠦᠷᠢ ᠳᠤ 1 ᠲᠣᠨ ᠲᠤᠯᠠᠭᠠᠯᠠᠯᠭ᠎ᠠ ᠶᠢᠨ ᠨᠡᠭᠦᠷᠡᠰᠦ ᠣᠯᠭᠤᠵᠤ᠂ 336.7 | ᠲᠦᠮᠡᠨ ᠮᠠᠯᠴᠢᠨ ᠲᠠᠷᠢᠶᠠᠴᠢᠨ ᠡᠷᠦᠬᠡ ᠶᠢ ᠬᠠᠷᠠᠭᠠᠯᠵᠠᠪᠠ︔ ᠠᠮᠢᠳᠣᠷᠠᠯ ᠤᠨ ᠨᠠᠭᠠᠳᠤ ᠵᠠᠬ᠎ᠠ ᠶᠢᠨ ᠪᠠᠳᠤᠯᠠᠭ᠎ᠠ ᠬᠦᠷᠳᠡᠵᠦ ᠪᠠᠶᠢᠭ᠎ᠠ ᠭᠡᠷ ᠪᠦᠯᠢ ᠪᠦᠷᠢ ᠶᠢᠨ | ᠣᠶᠣᠳᠡᠳ ᠲᠤ ᠵᠢᠯ ᠪᠦᠷᠢ 1 ᠲᠦᠮᠡᠨ ᠲᠦᠭᠦᠷᠢᠭ ᠤᠨ ᠰᠤᠷᠣᠯᠭ᠎ᠠ ᠶᠢᠨ ᠲᠡᠳᠭᠦᠮᠵᠢ ᠣᠯᠭᠤᠬᠤ ᠶᠢᠨ ᠬᠠᠮᠳᠤ ᠨᠢᠭᠡ ᠯᠡ ᠤᠳᠠᠭᠠᠨ ᠤ ᠴᠢᠨᠠᠷ ᠲᠠᠢ ᠪᠠᠷ | ᠨᠦᠬᠦᠪᠦᠷᠢᠯᠡᠪᠡ᠃ 1.8 ᠲᠦᠮᠡᠨ ᠰᠢᠨ᠎ᠡ ᠣᠶᠣᠳᠡᠳ ᠤᠨ ᠬᠤᠶᠢᠰᠢᠳᠠ ᠶᠢᠨ ᠵᠤᠪᠠᠨᠢᠯ ᠢ ᠠᠷᠢᠯᠭᠠᠪᠠ︔ ᠨᠢᠭᠡ ᠴᠦ ᠠᠵᠢᠯ ᠣᠯᠣᠭᠠᠳᠤᠢ ᠭᠡᠷ ᠪᠦᠯᠢ ᠳᠤ ᠶᠠᠳᠠᠬᠤ ᠳᠤ | 1 ᠬᠥᠮᠥᠨ ᠳᠤᠨᠢ ᠠᠵᠢᠯ ᠣᠯᠭᠤᠵᠤ᠂ ᠲᠡᠭ ᠪᠣᠯᠭᠠᠬᠤ ᠪᠠᠶᠢᠳᠠᠯ ᠢ ᠪᠡᠶᠡᠯᠡᠭᠦᠯᠪᠡ᠃ ᠨᠡᠶᠢᠭᠡᠮ ᠤᠨ ᠪᠠᠲᠤᠯᠠᠭ᠎ᠠ ᠶᠢᠨ ᠬᠢᠷᠢ ᠳᠦᠪᠰᠢᠨ ᠯᠠᠪᠳᠠᠭᠤᠨ ᠢᠶᠠᠷ ᠳᠡᠭᠡᠭᠰᠢᠯᠡᠵᠦ᠂ | ᠬᠤᠲᠠ ᠬᠥᠳᠡᠭᠡ ᠶᠢᠨ ᠨᠠᠰᠤᠵᠢᠯ ᠤᠨ ᠳᠠᠭᠠᠳᠬᠠᠯ ᠤᠨ ᠳᠦᠷᠢᠮ ᠤᠨ ᠵᠣᠯᠭᠠᠭᠤᠯᠬᠤ ᠳᠤ ᠬᠡᠷᠡᠭᠵᠢᠭᠦᠯᠬᠦ ᠰᠠᠨᠠᠯ ᠢ ᠲᠣᠭᠲᠠᠭᠠᠵᠤ᠂ ᠠᠵᠢᠯ ᠠᠴᠠ ᠪᠣᠯᠣᠭᠰᠠᠨ | ᠰᠢᠷᠬᠠᠳᠤᠯ ᠤᠨ ᠳᠠᠭᠠᠳᠬᠠᠯ ᠤᠨ ᠳᠦᠷᠢᠮ ᠤᠨ ᠬᠡᠷᠡᠭᠵᠢᠭᠦᠯᠬᠦ ᠠᠷᠭ᠎ᠠ ᠨᠡᠶᠢᠲᠡᠯᠡᠭᠳᠡᠵᠦ᠂ ᠠᠵᠣ ᠠᠬᠤᠢᠢᠯᠠᠯ ᠤᠨ ᠠᠵᠢᠯ ᠠᠴᠠ ᠪᠠᠨ ᠠᠮᠠᠷᠠᠭᠰᠠᠳ ᠤᠨ ᠨᠠᠰᠤᠵᠢᠯ ᠤᠨ | ᠮᠥᠩᠭᠦ ᠶᠢ ᠰᠠᠷ᠎ᠠ ᠳᠤ ᠬᠥᠮᠥᠨ ᠪᠦᠷᠢ ᠳᠤᠮᠳᠠᠴᠢ ᠪᠠᠷ 191 ᠲᠥᠭᠦᠷᠢᠭ ᠨᠡᠮᠡᠭᠳᠡᠭᠦᠯᠦᠨ᠂ ᠬᠤᠲᠠ ᠪᠠᠯᠭᠠᠰᠤ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠶᠢᠨ ᠪᠠᠷᠢᠮᠵᠢᠶ᠎ᠠ ᠰᠠᠷ᠎ᠠ ᠳᠤ ᠬᠥᠮᠥᠨ ᠪᠦᠷᠢ ᠳᠤᠮᠳᠠᠴᠢ ᠪᠠᠷ 28 ᠲᠥᠭᠦᠷᠢᠭ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ | ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠰᠠᠷ᠎ᠠ ᠳᠤ ᠬᠥᠮᠥᠨ ᠪᠦᠷᠢ ᠳᠤᠮᠳᠠᠴᠢ ᠪᠠᠷ ᠵᠢᠯ ᠪᠦᠷᠢ 267 ᠲᠥᠭᠦᠷᠢᠭ ᠳᠡᠭᠡᠭᠰᠢᠯᠡᠭᠦᠯᠦᠨ᠂ ᠬᠦᠳᠡᠭᠡ | ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠴᠢᠯᠡᠭᠡ ᠪᠣᠯᠣᠨ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠳᠤ ᠵᠠᠰᠠᠭ ᠤᠨ | ᠣᠷᠳᠣᠨ ᠠᠴᠠ ᠨᠥᠬᠦᠪᠦᠷᠢᠯᠡᠬᠦ ᠬᠥᠮᠥᠨ ᠪᠦᠷᠢ ᠶᠢᠨ ᠳᠤᠮᠳᠠᠴᠢ ᠪᠠᠷᠢᠮᠵᠢᠶ᠎ᠠ ᠶᠢ 280 ᠲᠥᠭᠦᠷᠢᠭ ᠠᠴᠠ 320 ᠲᠥᠭᠦᠷᠢᠭ ᠪᠣᠯᠭᠠᠨ ᠳᠡᠭᠡᠭᠰᠢᠯᠡᠭᠦᠯᠪᠡ᠃ | ︵ᠵᠢᠷᠭᠤᠭ᠎ᠠ︶ ᠨᠡᠶᠢᠭᠡᠮ ᠤᠨ ᠡᠯ᠎ᠡ ᠵᠦᠢᠯ ᠤᠨ ᠦᠢᠯᠡᠰ ᠪᠦᠬᠦ ᠲᠠᠯ᠎ᠠ ᠪᠠᠷ ᠬᠥᠭᠵᠢᠪᠡ᠃ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠢ ᠲᠦᠷᠦᠯ ᠪᠤᠯᠤᠨ ᠰᠢᠨ᠎ᠡ ᠮᠠᠶ᠋ᠢᠭ ᠤᠨ | ᠰᠤᠳᠤᠯᠤᠨ ᠨᠡᠭᠡᠭᠡᠨ ᠬᠥᠭᠵᠢᠭᠦᠯᠬᠦ ᠵᠡᠷᠭᠡ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠲᠦᠷᠬᠡᠳᠬᠡᠨ ᠠᠬᠢᠭᠤᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ | ᠲᠤᠯᠭᠠᠭᠤᠷᠢᠯᠠᠨ ᠳᠠᠭᠠᠭᠤᠯᠬᠤ ᠦᠢᠯᠡᠳᠦᠯ ᠤᠯᠠᠮ ᠨᠢᠭᠡ ᠠᠯᠬᠤᠮ ᠴᠢᠩᠭᠠᠳᠬᠠᠭᠳᠠᠪᠠ᠃ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠨ ᠬᠥᠮᠥᠵᠢᠯ ᠤᠨ | ᠬᠥᠭᠵᠢᠯᠲᠡ ᠶᠢ ᠨᠢᠭᠡᠳᠦᠯᠲᠡᠢ ᠲᠥᠯᠥᠪᠯᠡᠨ᠂ ᠰᠤᠷᠬᠤ ᠨᠠᠰᠣᠨ ᠠᠴᠠ ᠡᠮᠦᠨᠡᠬᠢ ᠰᠤᠷᠭᠠᠨ ᠬᠥᠮᠥᠵᠢᠯ ᠤᠨ ᠡᠬᠢ ᠪᠠᠶᠠᠯᠢᠭ ᠤᠯᠠᠮ ᠨᠢᠭᠡ ᠠᠯᠬᠤᠮ ᠦᠷᠭᠡᠳᠭᠡᠭᠳᠡᠵᠦ᠂ | ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠲᠡᠩᠴᠡᠭᠦᠷᠢᠲᠡᠢ ᠬᠥᠭᠵᠢᠯᠲᠡ ᠰᠢᠨ᠎ᠡ ᠰᠢᠪᠲᠤᠯᠤᠯᠲᠠ ᠶᠢ ᠪᠡᠶᠡᠯᠡᠭᠦᠯᠦᠨ᠂ ᠦᠨᠳᠦᠰᠦᠲᠡᠨ ᠤ ᠰᠤᠷᠭᠠᠨ ᠬᠥᠮᠥᠵᠢᠯ ᠢ ᠡᠩ | ᠲᠡᠷᠢᠭᠦᠨ ᠳᠤ ᠭᠤᠣᠯᠳᠠᠯᠭ᠎ᠠ ᠲᠠᠢ ᠬᠥᠭᠵᠢᠭᠦᠯᠵᠦ᠂ ᠣᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠰᠢᠰᠲ᠋ᠧᠮᠵᠢ ᠶᠢ ᠪᠠᠶᠢᠭᠤᠯᠬᠤ ᠪᠠ ᠳᠡᠭᠡᠳᠦ | ᠵᠡᠷᠭᠡ ᠶᠢᠨ ᠰᠤᠷᠭᠠᠨ ᠬᠥᠮᠥᠵᠢᠯ ᠤᠨ ᠬᠡᠯᠪᠡᠷᠢ ᠶᠢ ᠬᠤᠪᠢᠷᠠᠭᠤᠯᠬᠤ ᠬᠥᠭᠵᠢᠯᠲᠡ ᠰᠢᠨ᠎ᠡ ᠠᠯᠬᠤᠴᠠ ᠳᠤ ᠣᠷᠣᠪᠠ᠃ ᠬᠤᠲᠠ ᠬᠥᠳᠡᠭᠡ ᠶᠢᠨ ᠡᠮᠴᠢᠯᠡᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠭᠦᠯᠦᠨ᠂ ᠬᠥᠮᠥᠨ ᠪᠦᠷᠢ ᠶᠢᠨ ᠳᠤᠮᠳᠠᠴᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠦᠨᠳᠦᠰᠦᠨ ᠵᠠᠷᠤᠳᠠᠯ ᠳᠡᠭᠡᠭᠰᠢᠯᠡᠭᠡᠳ 35 ᠲᠥᠭᠦᠷᠢᠭ ᠪᠣᠯᠵᠤ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠰᠠᠯᠠᠭ᠎ᠠ ᠶᠢᠨ ᠡᠮᠨᠡᠯᠭᠡ ᠶᠢᠨ ᠬᠤᠷᠢᠶ᠎ᠠ ᠵᠡᠷᠭᠡ | 6 ᠲᠤᠰ ᠱᠠᠲᠤᠨ ᠤ ᠴᠢᠬᠤᠯᠠ ᠶᠡᠭᠡ ᠡᠷᠡᠭᠦᠯ ᠬᠠᠮᠠᠭᠠᠯᠠᠯ ᠤᠨ ᠲᠦᠷᠦᠯ ᠵᠦᠢᠯ ᠢ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠵᠤ᠂ ᠮᠣᠩᠭᠤᠯ ᠬᠢᠲᠠᠳ ᠡᠮ | ᠡᠮᠨᠡᠯᠭᠡ ᠶᠢᠨ ᠦᠢᠯᠡᠰ ᠡᠷᠡᠭᠦᠯ ᠢᠶᠠᠷ ᠬᠥᠭᠵᠢᠪᠡ᠃ ︽ᠨᠢᠭᠡ ᠳᠠᠯ᠎ᠠ ᠨᠢ ᠦᠷ᠎ᠡ ᠶᠢᠨ ᠭᠠᠭᠴᠠ ᠪᠤᠯ ᠬᠤᠶᠠᠷ ᠬᠡᠣᠬᠡᠳ ᠠᠪᠴᠤ ᠪᠣᠯᠬᠤ︾ ᠲᠦᠷᠦ ᠶᠢᠨ ᠪᠣᠳᠣᠯᠭ᠎ᠠ ᠶᠢ | ᠬᠡᠷᠡᠭᠵᠢᠭᠦᠯᠦᠨ᠂ ᠬᠦᠮᠦᠨ ᠠᠮᠠ ᠶᠢᠨ ᠲᠦᠷᠦᠯᠲᠡ ᠶᠢᠨ ᠨᠣᠷᠮ᠎ᠠ ᠶᠢ 9.3‰ ᠳᠤ ᠬᠢᠵᠠᠭᠠᠷᠯᠠᠪᠠ᠃ ᠰᠤᠶᠤᠯ ᠤᠨ ᠴᠡᠴᠡᠭᠯᠡᠨ ᠬᠥᠭᠵᠢᠭᠦ ᠶᠢ ᠠᠬᠢᠭᠤᠯᠵᠤ᠂ ᠨᠡᠶᠢᠭᠡᠮ | ᠵᠢᠷᠤᠮ ᠤᠨ ᠭᠤᠤᠯᠯᠠᠬᠤ ᠦᠷᠳᠡᠭ ᠤᠨ ᠦᠵᠡᠯᠳᠡ ᠶᠢᠨ ᠬᠦᠮᠦᠵᠢᠭᠦᠯᠦᠨ ᠪᠤᠶᠢᠵᠢᠭᠤᠯᠬᠤ ᠪᠠ ᠦᠢᠯᠡᠳᠦᠯᠭᠡᠵᠢᠭᠦᠯᠵᠦ᠂ ᠣᠯᠠᠨ ᠲᠦᠮᠡᠨᠴᠢ ᠴᠢᠨᠠᠷᠲᠠᠢ ᠣᠶᠣᠨ ᠤ | ᠪᠣᠯᠪᠠᠰᠤᠨ ᠢ ᠡᠭᠦᠳᠬᠦ ᠠᠵᠢᠯᠯᠠᠭ᠎ᠠ ᠶᠢ ᠭᠦᠨᠵᠡᠭᠡᠶᠢᠷᠡᠭᠦᠯᠵᠤ᠂ ᠣᠯᠠᠨ ᠨᠡᠶᠢᠲᠡ ᠶᠢᠨ ᠰᠤᠶᠤᠯ ᠤᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ | ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠦᠨ᠂ ︽ᠲᠠᠯ᠎ᠠ ᠨᠤᠲᠤᠭ ᠢᠶᠠᠨ ᠤᠶᠠᠩᠭᠠᠯᠠᠨ ᠳᠠᠭᠤᠯᠠᠵᠤ᠂ ᠠᠷᠠᠳ ᠲᠦᠮᠡᠨ ᠢᠶᠠᠨ | ᠮᠠᠭᠲᠠᠨ ᠲᠡᠮᠳᠡᠭᠯᠡᠬᠦ︾ ᠭᠤᠣᠯ ᠰᠡᠳᠦᠪᠲᠦ ᠰᠣᠶᠣᠯ ᠤᠨ ᠦᠢᠯᠡᠳᠦᠯᠭᠡᠲᠦ ᠠᠵᠢᠯᠯᠠᠭ᠎ᠠ ᠶᠢ ᠦᠷᠨᠢᠭᠦᠯᠪᠡ᠃ ᠰᠣᠶᠣᠯ ᠤᠨ ᠠᠵᠤ ᠦᠢᠯᠡᠰ ᠤᠨ ᠤᠷᠳᠤᠪᠳᠤᠷ ᠪᠠ ᠤᠷᠲᠤ | ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠶᠢ ᠨᠡᠶᠢᠲᠡᠯᠡᠵᠦ᠂ ᠭᠤᠣᠯᠳᠠᠯᠭ᠎ᠠ ᠲᠠᠢ ᠰᠣᠶᠣᠯ ᠤᠨ ᠠᠵᠤ ᠦᠢᠯᠡᠰ ᠤᠨ ᠲᠦᠷᠦᠯ ᠵᠦᠢᠯ ᠪᠠ ᠳᠤᠮᠳᠠ ᠵᠢᠵᠢᠭ | ᠪᠢᠴᠢᠯ ᠰᠣᠶᠣᠯ ᠤᠨ ᠠᠵᠤ ᠠᠬᠤᠶᠢᠯᠠᠯ ᠤᠨ ᠬᠥᠭᠵᠢᠯᠲᠡ ᠶᠢ ᠳᠡᠳᠬᠦᠪᠡ᠃ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ | ᠲᠤᠤᠱᠯᠠᠭᠤᠯᠤᠨ ᠨᠠᠶᠢᠳᠠᠪᠤᠷᠢᠵᠢᠭᠤᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠭᠦᠨᠵᠡᠭᠡᠢ ᠠᠬᠢᠭᠤᠯᠵᠤ᠂ ᠡᠷᠬᠡ ᠳᠡᠭᠰᠢ ᠪᠦᠯᠬᠦᠮᠳᠡᠨ | ᠬᠠᠪᠰᠤᠷᠤᠯᠴᠠᠬᠰᠠᠨ ᠡᠶ᠎ᠡ ᠵᠤᠬᠢᠴᠠᠯ ᠲᠠᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠤᠯᠠᠮ ᠨᠢᠭᠡ ᠠᠯᠬᠤᠮ ᠪᠠᠬᠢᠵᠢᠪᠡ᠃ ᠬᠦᠯ ᠪᠥᠮᠪᠦᠭᠡ ᠶᠢᠨ | ᠬᠦᠳᠡᠯᠬᠡᠬᠡᠨ ᠤ ᠥᠭᠡᠷᠡᠴᠢᠯᠡᠯᠲᠡ ᠬᠢᠭᠡᠳ ᠬᠥᠭᠵᠢᠭᠦᠯᠦᠯᠲᠡ ᠶᠢᠨ ᠠᠵᠢᠯ ᠢ ᠪᠦᠬᠦ ᠲᠠᠯ᠎ᠠ ᠪᠠᠷ ᠡᠬᠢᠯᠡᠭᠦᠯᠵᠦ᠂ ᠣᠯᠠᠨ ᠲᠦᠮᠡᠨᠴᠢ ᠴᠢᠨᠠᠷ ᠲᠠᠢ ᠪᠡᠶ᠎ᠡ ᠶᠢᠨ ᠲᠠᠮᠢᠷ ᠪᠣᠯᠣᠨ | ᠤᠷᠤᠯᠳᠤᠭᠠᠨ ᠤ ᠪᠡᠶ᠎ᠡ ᠶᠢᠨ ᠲᠠᠮᠢᠷ ᠢ ᠵᠤᠬᠢᠴᠠᠩᠭᠤᠢ ᠬᠦᠭᠵᠢᠭᠦᠯᠵᠤ᠂ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠦᠭᠵᠢᠯᠳᠡ ᠶᠢᠨ ᠠᠯᠬᠤᠴᠠ ᠳᠦᠷᠭᠡᠳᠪᠡ᠃ | ᠰᠣᠨᠢᠨ ᠮᠡᠳᠡᠭᠡ ᠷᠠᠳᠢᠣ᠋ ᠺᠢᠨᠣ᠋ ᠲᠧᠯᠸᠢᠰ᠂ ᠭᠦᠨ ᠤᠬᠠᠭᠠᠨ᠂ ᠨᠡᠶᠢᠭᠡᠮ ᠤᠨ ᠰᠢᠨᠵᠢᠯᠡᠬᠦ ᠤᠬᠠᠭᠠᠨ ᠵᠡᠷᠭᠡ ᠡᠯ᠎ᠡ ᠵᠦᠢᠯ ᠤᠨ ᠠᠵᠢᠯ ᠦᠢᠯᠡᠰ ᠴᠡᠴᠡᠭᠯᠡᠨ ᠬᠥᠭᠵᠢᠵᠦ᠂ | ᠴᠠᠬ ᠠᠭᠤᠷ᠂ ᠠᠷᠠᠳ ᠤᠨ ᠠᠭᠠᠷ ᠤᠨ ᠰᠡᠷᠬᠡᠶᠢᠯᠡᠯᠳᠡ᠂ ᠵᠦᠪᠳᠡᠭᠴᠢ ᠪᠤᠯᠤᠨ ᠡᠮᠡᠭᠲᠡᠶᠢᠴᠦᠳ ᠬᠡᠦᠬᠡᠳ᠂ ᠦᠳᠡᠭᠦᠰ᠂ ᠵᠡᠮᠳᠡᠭᠴᠦᠳ ᠤᠨ ᠦᠢᠯᠡᠰ ᠯᠠᠪᠳᠠᠭᠤᠨ | ᠪᠠᠲᠤᠲᠠᠢ ᠠᠬᠢᠪᠠ᠃ | ︵ᠲᠤᠯᠤᠭ᠎ᠠ︶ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠪᠠᠳᠣᠯᠠᠪᠠ᠃ ︽ᠠᠮᠤᠭᠤᠯᠠᠩ ᠲᠠᠶᠢᠪᠤᠩ ᠥᠪᠥᠷ ᠮᠣᠩᠭᠤᠯ︾ ᠢ | ᠪᠦᠲᠦᠭᠡᠨ ᠪᠠᠶᠢᠭᠤᠯᠬᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ᠂ ᠨᠡᠶᠢᠭᠡᠮ ᠤᠨ ᠠᠮᠤᠷ ᠢ ᠬᠠᠮᠠᠭᠠᠯᠠᠬᠤ ᠶᠡᠷᠦᠩᠬᠡᠶᠢᠯᠡᠭᠰᠡᠨ ᠵᠠᠰᠠᠯᠲᠠ ᠴᠢᠩᠭᠠᠳᠬᠠᠭᠳᠠᠵᠤ᠂ ᠪᠣᠰᠤᠭ᠎ᠠ | ᠴᠤᠭᠴᠠᠵᠢᠭᠰᠠᠨ ᠨᠡᠶᠢᠭᠡᠮ ᠤᠨ ᠠᠮᠤᠷ ᠢ ᠬᠠᠮᠠᠭᠠᠯᠠᠵᠤ ᠰᠡᠷᠡᠮᠵᠢᠯᠡᠨ ᠡᠵᠡᠮᠳᠡᠬᠦ ᠰᠢᠰᠲ᠋ᠧᠮᠵᠢ ᠶᠢ ᠰᠢᠨ᠎ᠡ ᠪᠠᠷ ᠡᠭᠦᠳᠦᠨ ᠲᠡᠭᠦᠯᠳᠡᠷᠵᠢᠭᠦᠯᠵᠦ᠂ ᠬᠠᠤᠯᠢ ᠠᠴᠠ ᠵᠥᠷᠢᠴᠡᠭᠰᠡᠨ | ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠴᠦ᠂ ᠠᠮᠤᠷ ᠢ ᠬᠠᠮᠠᠭᠠᠯᠠᠬᠤ ᠶᠢᠨ ᠬᠦᠯᠢᠶᠡᠨ ᠠᠪᠴᠤ ᠰᠢᠢᠳᠪᠦᠷᠢᠯᠡᠭᠰᠡᠨ ᠬᠡᠷᠡᠭ 28.2% ᠢᠶᠠᠷ ᠪᠠᠭᠤᠷᠠᠨ᠂ | ᠡᠷᠡᠬᠦᠦ ᠶᠢᠨ ᠬᠡᠷᠡᠭ 29.2% ᠢᠶᠠᠷ ᠪᠠᠭᠤᠷᠠᠵᠤ᠂ ᠠᠷᠠᠳ ᠣᠯᠠᠨ ᠤ ᠠᠮᠤᠷ ᠲᠦᠪᠰᠢᠨ ᠤ ᠰᠡᠳᠬᠢᠯᠬᠡ ᠤᠯᠠᠮ ᠨᠢᠭᠡ ᠠᠯᠬᠤᠮ ᠳᠠᠶᠢᠪᠤᠰᠢᠷᠠᠪᠠ᠃ ︽ᠵᠠᠬᠢᠳᠠᠯ | ᠰᠤᠷᠪᠤᠯᠵᠢᠯᠠᠯ ᠢ ᠶᠡᠬᠡᠪᠡᠷ ᠬᠦᠯᠢᠶᠡᠨ ᠠᠪᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠦᠨ᠂ ᠨᠡᠶᠢᠭᠡᠮ ᠤᠨ ᠵᠥᠷᠢᠴᠡᠯ ᠢ ᠪᠦᠬᠦ ᠲᠠᠯ᠎ᠠ ᠪᠠᠷ ᠪᠠᠶᠢᠴᠠᠭᠠᠨ | ᠨᠠᠮᠳᠠᠭᠤᠯᠵᠤ᠂ ᠵᠠᠬᠢᠲᠠᠯ ᠰᠤᠷᠪᠤᠯᠵᠢᠯᠠᠯ ᠤᠨ ᠠᠵᠢᠯ ᠤᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠵᠠᠬᠢᠲᠠᠯ ᠰᠤᠷᠪᠤᠯᠵᠢᠯᠠᠯ ᠤᠨ ᠪᠠᠶᠢᠳᠠᠯ ᠯᠠᠪᠳᠠᠭᠤᠨ | ᠰᠠᠶᠢᠵᠢᠷᠠᠯ ᠲᠠᠢ ᠪᠣᠯᠪᠠ᠃ ᠭᠠᠵᠠᠷ ᠰᠢᠷᠤᠢ ᠲᠠᠲᠠᠪᠤᠷᠢᠯᠠᠨ ᠭᠡᠷ ᠪᠠᠶᠢᠰᠢᠩ ᠨᠤᠷᠠᠭᠠᠵᠦ ᠨᠡᠭᠦᠯᠭᠡᠬᠦ ᠪᠠ ᠮᠠᠯ ᠲᠠᠷᠢᠶᠠᠯᠠᠩ ᠮᠠᠯᠴᠢᠨ ᠲᠠᠷᠢᠶᠠᠴᠢᠳ ᠲᠤ ᠬᠤᠯᠪᠤᠭᠳᠠᠬᠤ ᠵᠡᠷᠭᠡ | 8 ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠲᠦᠪᠯᠡᠷᠡᠬᠦᠯᠦᠨ ᠲᠤᠰᠬᠠᠶᠢᠯᠠᠨ ᠴᠡᠭᠴᠡᠯᠡᠨ ᠵᠠᠰᠠᠵᠤ᠂ ᠣᠯᠠᠨ ᠲᠦᠮᠡᠨ ᠤ ᠠᠰᠢᠭ ᠲᠤᠰᠠ ᠳᠤ ᠬᠠᠯᠳᠠᠭᠰᠠᠨ ᠦᠢᠯᠡ | ᠠᠵᠢᠯᠯᠠᠭ᠎ᠠ ᠶᠢ ᠲᠥᠪ ᠴᠢᠩᠭ᠎ᠠ ᠵᠠᠯᠬᠠᠭᠠᠨ ᠰᠢᠢᠳᠪᠦᠷᠢᠯᠡᠪᠡ᠃ ᠠᠶᠤᠯ ᠦᠭᠡᠢ ᠦᠢᠯᠡᠳᠪᠦᠷᠢᠯᠡᠯ ᠤᠨ ︽ᠬᠠᠤᠯᠢ ᠪᠤᠰᠤ ᠠᠵᠢᠯᠯᠠᠭ᠎ᠠ ᠳᠤ ᠴᠣᠬᠢᠯᠲᠠ ᠦᠭᠴᠦ | ᠬᠠᠤᠯᠢ ᠠᠴᠠ ᠵᠥᠷᠢᠴᠡᠭᠰᠡᠨ ᠢ ᠵᠠᠰᠠᠬᠤ︾ ᠪᠠ ᠡᠯ᠎ᠡ ᠲᠦᠷᠦᠯ ᠤᠨ ᠳᠤᠰᠬᠠᠢᠢᠯᠠᠨ ᠴᠡᠭᠴᠡᠯᠡᠨ ᠵᠠᠰᠠᠬᠤ ᠶᠢ ᠭᠦᠨᠵᠡᠭᠡᠢ ᠥᠷᠨᠢᠭᠦᠯᠦᠨ᠂ ᠠᠶᠤᠯ ᠦᠭᠡᠢ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠪᠣᠯᠣᠨ ᠠᠶᠤᠯ ᠲᠦᠭᠰᠢᠭᠦᠷᠢ ᠶᠢ ᠰᠡᠷᠡᠮᠵᠢᠯᠡᠨ ᠡᠵᠡᠮᠳᠡᠬᠦ ᠶᠢ ᠴᠢᠩᠭᠠᠷᠠᠭᠤᠯᠵᠤ᠂ ᠠᠳᠡᠯ ᠭᠠᠷᠬᠤ ᠲᠤᠭ᠎ᠠ ᠪᠣᠯᠣᠨ | ᠠᠳᠡᠭᠰᠡᠨ ᠬᠥᠮᠥᠨ ᠤ ᠲᠤᠭ᠎ᠠ ᠶᠢᠨ ︽ᠬᠤᠣᠰ ᠢᠶᠠᠷ ᠪᠠᠭᠤᠷᠠᠭᠤᠯᠬᠤ︾ ᠶᠢ ᠪᠡᠶᠡᠯᠡᠬᠦᠯᠪᠡ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠢ ᠴᠡᠭᠴᠡᠯᠡᠨ | ᠵᠠᠰᠠᠬᠤ ᠶᠢ ᠯᠠᠪᠳᠠᠭᠤᠨ ᠪᠠᠲᠤᠲᠠᠢ ᠥᠷᠨᠢᠭᠦᠯᠦᠨ᠂ ᠠᠶᠤᠯ ᠲᠦᠭᠰᠢᠭᠦᠷᠢ ᠶᠢᠨ ᠳᠠᠯᠳᠠ ᠭᠡᠮ ᠢ ᠴᠠᠭ ᠲᠤᠬᠠᠢ ᠳᠤᠨᠢ ᠰᠡᠷᠡᠵᠦ ᠮᠡᠳᠡᠬᠦ ᠪᠠ ᠰᠢᠢᠳᠪᠦᠷᠢᠯᠡᠵᠦ᠂ | ᠰᠢᠰᠲ᠋ᠧᠮ ᠤᠨ ᠴᠢᠨᠠᠷᠲᠠᠢ᠂ ᠣᠷᠣᠨ ᠪᠦᠰᠡ ᠶᠢᠨ ᠴᠢᠨᠠᠷᠲᠠᠢ ᠠᠮᠤᠷ ᠲᠦᠪᠰᠢᠨ ᠤ ᠠᠳᠡᠯ ᠭᠠᠷᠤᠬᠰᠠᠨ ᠦᠭᠡᠢ᠃ ᠡᠯ᠎ᠡ ᠲᠦᠷᠦᠯ ᠤᠨ ᠳᠠᠶᠢᠰᠤᠩᠨᠠᠭᠴᠢ ᠬᠦᠴᠦᠨ ᠤ | ᠨᠠᠪᠴᠢᠨ ᠣᠷᠣᠵᠤ ᠡᠪᠳᠡᠯᠭᠡ ᠬᠢᠬᠦ ᠪᠠ ᠤᠷᠪᠠᠯᠭ᠎ᠠ ᠶᠢᠨ ᠠᠵᠢᠯᠯᠠᠭ᠎ᠠ ᠶᠢ ᠴᠢᠩᠭ᠎ᠠ ᠰᠡᠷᠡᠮᠵᠢᠯᠡᠨ ᠴᠢᠩᠭ᠎ᠠ ᠴᠣᠬᠢᠯᠲᠠ ᠦᠭᠴᠦ᠂ ᠡᠬᠡ ᠤᠯᠤᠰ ᠤᠨ ᠤᠮᠠᠷᠠᠲᠤ ᠬᠢᠯᠢ | ᠬᠢᠵᠠᠭᠠᠷ ᠤᠨ ᠠᠮᠤᠷ ᠲᠦᠪᠰᠢᠨ ᠲᠣᠭᠲᠠᠭᠤᠨ ᠬᠠᠯᠬᠠᠪᠴᠢ ᠶᠢ ᠪᠠᠲᠤ ᠪᠠᠬᠢ ᠪᠣᠯᠭᠠᠪᠠ᠃ ᠤᠯᠤᠰ ᠤᠨ ᠪᠠᠲᠤᠯᠠᠨ ᠬᠠᠮᠠᠭᠠᠯᠠᠯᠲᠠ ᠪᠣᠯᠣᠨ ᠴᠡᠷᠢᠭ ᠠᠩᠭᠢ ᠶᠢᠨ | ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠳᠡᠮᠵᠢᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠥᠵᠢᠯ ᠪᠣᠯᠣᠨ ᠬᠤᠶᠠᠷ ᠢ ᠬᠦᠷᠢᠶᠡᠯᠡᠨ | ᠬᠠᠮᠲᠤ ᠪᠠᠷ ᠪᠦᠲᠦᠭᠡᠨ ᠪᠠᠶᠢᠭᠤᠯᠬᠤ ᠶᠢ ᠭᠦᠨᠵᠡᠭᠡᠢ ᠦᠷᠨᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯ ᠪᠣᠯᠣᠨ ᠪᠡᠯᠡᠳᠭᠡᠯ ᠬᠦᠴᠦᠨ ᠤ | ᠪᠠᠶᠢᠭᠤᠯᠤᠯᠲᠠ ᠰᠢᠨ᠎ᠡ ᠠᠬᠢᠴᠠ ᠲᠠᠢ ᠪᠣᠯᠪᠠ᠃ | ︵ᠨᠠᠢᠮᠠ︶ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠴᠢᠩᠭᠠᠳᠬᠠᠭᠳᠠᠪᠠ᠃ ᠰᠢ ᠶᠢᠨ ᠫᠢᠩ ᠶᠡᠷᠦᠩᠬᠡᠢ ᠱᠦᠵᠢ ᠶᠢᠨ ᠠᠯᠢ ᠣᠯᠠᠨ | ᠴᠢᠬᠤᠯᠠ ᠶᠠᠷᠢᠶ᠎ᠠ ᠪᠣᠯᠣᠨ ᠥᠪᠥᠷ ᠮᠣᠩᠭᠤᠯ ᠢᠶᠠᠷ ᠰᠢᠨᠵᠢᠯᠡᠨ ᠪᠠᠶᠢᠴᠠᠭᠠᠬᠤ ᠳᠤ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠣᠷᠣᠯᠴᠠᠨ | ᠲᠤᠤᠱᠯᠠᠭᠤᠯᠵᠤ᠂ ᠰᠢᠨᠵᠢᠯᠡᠬᠦ ᠤᠬᠠᠭᠠᠨᠴᠢ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠨ᠂ ᠦᠢᠯᠡᠳᠦᠯᠭᠡ ᠶᠢ ᠵᠢᠯᠣᠭᠤᠳᠤᠨ᠂ ᠠᠵᠢᠯ ᠢᠶᠠᠨ ᠠᠬᠢᠭᠤᠯᠵᠤ᠂ | ᠤᠬᠠᠮᠰᠠᠷ ᠠᠴᠠ ᠪᠠᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠯᠤᠭ᠎ᠠ ᠳᠡᠭᠡᠳᠦ | ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠭᠤᠶᠢᠪᠠᠰᠢ ᠦᠭᠡᠢ ᠪᠠᠷᠢᠮᠲᠠᠯᠠᠵᠤ᠂ ᠲᠦᠪ ᠤᠨ ᠨᠠᠢᠮᠠᠨ ᠲᠤᠭᠳᠠᠭᠠᠯ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ︽ᠭᠤᠷᠪᠠᠨ | ᠵᠦᠢᠯ ᠤᠨ ᠰᠠᠬᠢᠯᠭ᠎ᠠ︾ ᠪᠤᠯᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ 28 ᠢᠵᠢ ᠪᠦᠷᠢᠳᠦᠭᠰᠡᠨ ᠲᠤᠭᠳᠠᠭᠠᠯ ᠢ ᠴᠢᠩᠭ᠎ᠠ ᠬᠡᠷᠡᠭᠵᠢᠬᠦᠯᠵᠦ᠂ | ᠰᠤᠷᠳᠠᠯ ᠢ ᠴᠡᠭᠴᠡᠯᠡᠨ ᠰᠠᠶᠢᠵᠢᠷᠠᠭᠤᠯᠬᠤ ᠪᠠ ᠠᠰᠠᠭᠤᠳᠠᠯ ᠢ ᠴᠡᠭᠴᠡᠯᠡᠨ ᠵᠠᠰᠠᠬᠤ ᠶᠢ ᠳᠠᠰᠤᠷᠠᠯᠳᠠ ᠦᠭᠡᠢ ᠭᠦᠨᠵᠡᠭᠡᠶᠢᠷᠡᠭᠦᠯᠪᠡ᠃ ᠬᠤᠷᠠᠯ᠂ ᠪᠢᠴᠢᠭ ᠮᠠᠲ᠋ᠧᠷᠢᠶᠠᠯ ᠤᠨ | ᠲᠤᠭ᠎ᠠ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠵᠠᠰᠠᠭ ᠤᠨ ᠣᠷᠳᠣᠨ ᠤ ᠴᠢᠨᠠᠷᠲᠠᠢ ᠠᠰᠠᠷ ᠲᠢᠩᠬᠢᠮ ᠪᠠᠭᠤᠳᠠᠯ ᠭᠠᠵᠠᠷ ᠰᠢᠨ᠎ᠡ ᠪᠠᠷ ᠪᠠᠶᠢᠭᠤᠯᠬᠤ ᠲᠦᠷᠦᠯ ᠵᠦᠢᠯ | ᠵᠦᠪᠰᠢᠶᠡᠷᠡᠬᠦ ᠶᠢ ᠡᠷᠡᠰ ᠵᠣᠭᠰᠣᠭᠠᠵᠤ᠂ ᠪᠠᠶᠢᠭᠤᠯᠤᠮᠵᠢ ᠶᠢᠨ ᠣᠷᠣᠨ ᠲᠤᠭ᠎ᠠ ᠪᠣᠯᠣᠨ ᠡᠳ᠋ ᠤᠨ ᠵᠠᠰᠠᠭ ᠠᠴᠠ ᠴᠠᠯᠢᠩ ᠬᠦᠯᠦᠰᠦ ᠦᠭᠴᠦ ᠪᠦᠬᠦᠢ ᠬᠦᠮᠦᠨ ᠤ ᠲᠤᠭ᠎ᠠ | ᠬᠡᠮᠵᠢᠶ᠎ᠡ ᠶᠢᠨ ︽ᠬᠤᠣᠰ ᠢᠶᠠᠷ ᠪᠠᠭᠤᠷᠠᠭᠤᠯᠵᠤ︾᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ︽ᠠᠯᠪᠠᠨ ᠤ ᠭᠤᠷᠪᠠᠨ ᠵᠠᠷᠤᠳᠠᠯ︾ 22.8% ᠪᠠᠷ | ᠪᠠᠭᠤᠷᠠᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠲᠣᠭᠲᠠᠭᠠᠯ ᠢ | ᠬᠢᠨᠠᠮᠠᠭᠠᠢ ᠬᠡᠷᠡᠭᠵᠢᠭᠦᠯᠦᠨ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠡᠯ᠎ᠡ | ᠠᠷᠠᠳᠴᠢᠯᠠᠭᠰᠠᠨ ᠨᠠᠮ ᠪᠦᠯᠦᠭ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠣᠨ ᠨᠠᠮ ᠪᠦᠯᠦᠭ ᠤᠨ ᠪᠤᠰᠤ ᠬᠦᠮᠦᠰ ᠤᠨ ᠰᠠᠨᠠᠯ ᠢ ᠥᠷᠭᠡᠨ ᠢᠶᠠᠷ | ᠰᠣᠨᠣᠰᠴᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠵᠥᠪᠯᠡᠯᠭᠡ᠂ ᠰᠠᠨᠠᠭᠤᠯᠭ᠎ᠠ ᠪᠣᠯᠣᠨ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠤᠨ ᠳᠤᠷᠠᠳᠤᠯᠭ᠎ᠠ ᠶᠢ ᠴᠠᠭ ᠲᠤᠬᠠᠢ ᠳᠤᠨᠢ ᠭᠦᠢᠴᠡᠳᠭᠡᠪᠡ᠃ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠵᠢᠯ ᠢ ᠴᠢᠩᠭᠠᠳᠬᠠᠨ᠂ ᠣᠷᠣᠨ | ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠵᠥᠪᠯᠡᠯᠭᠡ 8 ᠵᠦᠢᠯ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠭᠦᠯᠦᠨ ᠬᠢᠨᠠᠨ ᠪᠠᠲᠤᠯᠠᠭᠤᠯᠵᠤ᠂ | ᠵᠠᠰᠠᠭ ᠵᠠᠬᠢᠷᠭᠠᠨ ᠤ 12 ᠵᠦᠢᠯ ᠤᠨ ᠳᠦᠷᠢᠮ ᠲᠣᠭᠲᠠᠭᠠᠯ ᠢ ᠲᠣᠭᠲᠠᠭᠠᠨ᠂ ᠵᠠᠰᠠᠪᠤᠷᠢ ᠣᠷᠣᠭᠤᠯᠤᠭᠰᠠᠨ ᠪᠠ ᠬᠦᠴᠦᠨ ᠦᠭᠡᠢ ᠪᠣᠯᠭᠠᠪᠠ᠃ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠪᠠᠶᠢᠭᠤᠯᠤᠯ ᠳᠤ ᠥᠭᠡᠷᠡᠴᠢᠯᠡᠯᠲᠡ ᠬᠢᠵᠦ᠂ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠪᠣᠯᠣᠨ ᠠᠯᠳᠠᠭ᠎ᠠ ᠪᠤᠷᠤᠭᠤ ᠶᠢ ᠨᠢ ᠨᠡᠬᠡᠮᠵᠢᠯᠡᠬᠦ | ᠳᠦᠷᠢᠮ ᠢ ᠴᠢᠩᠭ᠎ᠠ ᠨᠠᠶᠢᠳᠠᠪᠤᠷᠢᠵᠢᠭᠤᠯᠪᠠ᠃ ᠬᠢᠨᠠᠨ ᠪᠣᠳᠣᠬᠤ᠂ ᠬᠢᠨᠠᠨ ᠪᠠᠶᠢᠴᠠᠭᠠᠬᠤ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠡᠷᠴᠢᠮ ᠢ ᠴᠢᠩᠭᠠᠷᠠᠭᠤᠯᠤᠨ᠂ | ᠵᠠᠰᠠᠭ ᠤᠨ ᠣᠷᠳᠣᠨ ᠤ ᠰᠢᠰᠲ᠋ᠧᠮ ᠤᠨ ᠠᠷᠢᠭᠤᠨ ᠴᠢᠭᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠢᠷᠠᠯ ᠢ ᠡᠰᠡᠷᠬᠦᠴᠡᠬᠦ ᠠᠵᠢᠯ ᠤᠯᠠᠮ ᠨᠢᠭᠡ ᠠᠯᠬᠤᠮ | ᠴᠢᠩᠭᠠᠳᠪᠠ᠃ | ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠤᠨ ᠠᠮᠵᠢᠯᠲᠠ ᠶᠢ ᠣᠯᠣᠭᠰᠠᠨ ᠨᠢ ᠬᠢᠯᠪᠠᠷ ᠪᠤᠰᠤ ᠶᠤᠮ᠃ ᠡᠨᠡ ᠨᠢ ᠨᠠᠮ ᠤᠨ ᠲᠦᠪ ᠬᠤᠷᠢᠶ᠎ᠠ᠂ | ᠲᠦᠷᠦ ᠶᠢᠨ ᠶᠠᠪᠤᠳᠠᠯ ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠦᠪ ᠣᠨᠣᠪᠴᠢᠲᠠᠢ ᠤᠳᠤᠷᠢᠳᠤᠭᠰᠠᠨ ᠤ ᠦᠷ᠎ᠡ ᠳ᠋ᠦᠩ᠂ | ᠪᠦᠬᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠬᠠᠷᠢᠯᠴᠠᠨ ᠬᠠᠪᠰᠤᠷᠤᠯᠴᠠᠵᠦ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠪᠥᠭᠡᠳ ᠮᠦᠨᠴᠦ | ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠠᠯᠠᠮᠵᠢᠯᠠᠨ᠂ ᠳᠡᠮᠵᠢᠵᠦ᠂ ᠬᠠᠪᠰᠤᠷᠤᠭᠰᠠᠨ ᠤ ᠦᠷ᠎ᠡ ᠳ᠋ᠦᠩ ᠪᠣᠯᠬᠤ ᠶᠤᠮ᠃ ᠠᠳᠡ᠂ ᠪᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠰᠢᠷᠭᠠᠭᠤ ᠪᠠᠷ ᠠᠵᠢᠯᠯᠠᠵᠤ ᠪᠠᠶᠢᠭ᠎ᠠ ᠪᠦᠬᠦ ᠣᠷᠣᠨ ᠤ | ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ᠂ ᠡᠯ᠎ᠡ ᠠᠷᠠᠳᠴᠢᠯᠠᠭᠰᠠᠨ ᠨᠠᠮ ᠪᠦᠯᠦᠭ ᠪᠣᠯᠣᠨ ᠠᠷᠠᠳ ᠤᠨ ᠪᠦᠯᠬᠦᠮ᠂ ᠥᠪᠥᠷ ᠮᠣᠩᠭᠤᠯ ᠤᠨ ᠤᠳᠤᠬᠢᠴᠢᠯᠠᠬᠤ ᠪᠦᠲᠦᠭᠡᠨ ᠪᠠᠶᠢᠭᠤᠯᠤᠯᠲᠠ ᠶᠢ | ᠬᠠᠯᠠᠮᠵᠢᠯᠠᠨ ᠳᠡᠮᠵᠢᠭᠰᠡᠨ ᠪᠣᠢ ᠪᠦᠬᠦᠢ ᠨᠦᠬᠦᠳ᠂ ᠨᠠᠶᠢᠵᠠ ᠨᠠᠷ ᠲᠤ ᠴᠢᠩ ᠰᠡᠳᠭᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠣᠯᠵᠤ ᠬᠠᠷᠠᠬᠤ ᠶᠢᠨ ᠳᠠᠭᠠᠤ ᠪᠢᠳᠠ ᠪᠠᠰᠠ ᠮᠠᠨ ᠤ ᠤᠷᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠠᠰᠠ ᠡᠳᠦᠢ ᠳᠡᠳᠦᠢ | ᠵᠦᠷᠢᠴᠡᠯ ᠪᠠ ᠠᠰᠠᠭᠤᠳᠠᠯ ᠣᠷᠣᠰᠢᠵᠤ᠂ ᠵᠠᠰᠠᠬ ᠤᠨ ᠤᠷᠳᠤᠨ ᠤ ᠠᠵᠢᠯ ᠳᠤ ᠪᠠᠰᠠ ᠬᠦᠷᠦᠯᠴᠡᠬᠦ ᠦᠭᠡᠢ ᠳᠠᠯ᠎ᠠ ᠪᠠ ᠵᠦᠷᠢᠶ᠎ᠡ ᠤᠷᠤᠰᠢᠵᠦ ᠪᠠᠶᠢᠨ᠎ᠠ ᠭᠡᠳᠡᠭ ᠢ | ᠰᠡᠷᠭᠡᠭ ᠢᠶᠠᠷ ᠣᠯᠵᠤ ᠲᠠᠨᠢᠪᠠ᠃ ᠭᠤᠣᠯᠳᠠᠭᠤ᠄ ᠠᠵᠤ ᠠᠬᠤᠢ ᠶᠢᠨ ᠬᠤᠷᠸ᠎ᠠ ᠣᠷᠴᠢᠨ ᠲᠣᠭᠤᠷᠢᠨ ᠤ ᠬᠠᠨᠳᠤᠰᠢ ᠪᠠᠴᠢᠭᠤ᠂ ᠬᠡᠷᠡᠭᠴᠡᠭᠡ ᠱᠠᠭᠠᠷᠳᠠᠯᠭ᠎ᠠ ᠶᠢᠨ | ᠬᠢᠵᠠᠭᠠᠷᠯᠠᠯ ᠴᠢᠩᠭᠠᠷᠠᠵᠤ᠂ ᠪᠡᠯᠡ ᠣᠷᠤᠭᠤᠯᠤᠯᠲᠠ ᠶᠢᠨ ᠨᠡᠮᠡᠭᠳᠡᠯ ᠤᠨ ᠬᠦᠴᠢᠷᠳᠡᠯ ᠨᠡᠮᠡᠭᠳᠡᠵᠦ᠂ ᠬᠡᠰᠡᠭ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠪᠠᠰᠠ | ᠨᠡᠯᠢᠶᠡᠳ ᠬᠦᠴᠢᠷᠳᠡᠯ ᠲᠠᠢ ᠪᠠᠶᠢᠵᠤ᠂ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠮᠦᠨ ᠬᠦ ᠨᠡᠯᠢᠶᠡᠳ ᠶᠡᠭᠡ ᠪᠠᠶᠢᠭᠰᠠᠭᠠᠷ︔ ᠠᠵᠤ ᠦᠢᠯᠡᠰ ᠤᠨ ᠬᠥᠭᠵᠢᠯᠲᠡ | ᠲᠡᠭᠦᠯᠳᠡᠷ ᠪᠤᠰᠤ᠂ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠮᠦᠨ ᠬᠦ ᠪᠠᠭᠤᠷᠠᠢ ᠪᠠᠶᠢᠵᠤ᠂ ᠡᠬᠢ ᠪᠠᠶᠠᠯᠢᠭ ᠢ ᠠᠰᠢᠭᠯᠠᠬᠤ ᠠᠷᠭ᠎ᠠ ᠮᠠᠶ᠋ᠢᠭ ᠨᠡᠯᠢᠶᠡᠳ ᠪᠦᠳᠦᠭᠦᠯᠢᠭ | ᠪᠠᠶᠢᠵᠤ᠂ ᠰᠢᠨ᠎ᠡ ᠶᠢ ᠡᠭᠦᠳᠬᠦ ᠴᠢᠳᠠᠪᠤᠷᠢ ᠴᠢᠩᠭ᠎ᠠ ᠪᠤᠰᠤ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠬᠠᠷᠢᠴᠠᠩᠭᠤᠢ ᠬᠤᠵᠢᠭᠤᠳᠠᠭᠤ ᠪᠠᠶᠢᠨ᠎ᠠ︔ ᠰᠠᠭᠤᠷᠢ | ᠪᠡᠯᠡᠳᠭᠡᠮᠵᠢ ᠪᠠᠷ ᠲᠤᠯᠭᠠᠭᠤᠷᠢᠯᠠᠬᠤ ᠴᠢᠳᠠᠪᠤᠷᠢ ᠬᠦᠷᠦᠯᠴᠡᠬᠦ ᠦᠭᠡᠢ᠂ ᠬᠤᠲᠠ ᠪᠠᠯᠭᠠᠰᠤᠴᠢᠯᠠᠬᠤ ᠬᠢᠷᠢ ᠲᠥᠪᠰᠢᠨ ᠪᠠᠰᠠ ᠳᠣᠣᠷ᠎ᠠ ᠪᠠᠶᠢᠵᠤ᠂ ᠬᠤᠲᠠ ᠬᠥᠳᠡᠭᠡ ᠣᠷᠣᠨ | ᠪᠦᠰᠡ ᠶᠢᠨ ᠬᠥᠭᠵᠢᠯᠲᠡ ᠲᠡᠩᠴᠡᠭᠦᠷᠢ ᠦᠭᠡᠢ ᠪᠠᠶᠢᠭᠰᠠᠭᠠᠷ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ᠂ ᠦᠨᠳᠦᠰᠦᠨ ᠣᠯᠠᠨ ᠨᠡᠶᠢᠲᠡ ᠶᠢᠨ | ᠦᠢᠯᠡᠴᠢᠯᠡᠭᠡ ᠨᠢ ᠪᠦᠬᠦ ᠤᠯᠤᠰ ᠤᠨ ᠳᠤᠮᠳᠠᠴᠢ ᠬᠢᠷᠢ ᠲᠥᠪᠰᠢᠨ ᠲᠠᠢ ᠪᠠᠰᠠ ᠵᠣᠬᠢᠬᠤ ᠵᠥᠷᠢᠶ᠎ᠡ ᠲᠠᠢ ᠪᠠᠶᠢᠬᠰᠠᠭᠠᠷ᠂ ᠬᠡᠰᠡᠭ ᠣᠯᠠᠨ ᠲᠦᠮᠡᠨ ᠤ ᠠᠮᠢᠳᠤᠷᠠᠯ ᠮᠦᠨ | ᠬᠦ ᠨᠡᠯᠢᠶᠡᠳ ᠬᠦᠴᠢᠷᠳᠡᠯᠲᠡᠢ ᠪᠠᠶᠢᠨ᠎ᠠ︔ ᠠᠶᠤᠯ ᠦᠭᠡᠢ ᠦᠢᠯᠡᠳᠪᠦᠷᠢᠯᠡᠯ᠂ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠬᠤ᠂ ᠢᠳᠡᠭᠡᠨ ᠪᠠ ᠡᠮ ᠤᠨ ᠵᠦᠢᠯ ᠤᠨ | ᠠᠮᠤᠷ ᠲᠦᠪᠰᠢᠨ ᠵᠡᠷᠭᠡ ᠲᠠᠯ᠎ᠠ ᠪᠠᠷ ᠪᠠᠰᠠ ᠡᠳᠦᠢ ᠲᠠᠳᠤᠢ ᠠᠰᠠᠭᠤᠳᠠᠯ ᠣᠷᠣᠰᠢᠵᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠬᠦ ᠵᠥᠷᠢᠴᠡᠯ ᠵᠢᠭᠤᠷᠠᠯᠳᠤᠭᠠᠨ | ᠬᠢᠯᠪᠠᠷᠬᠠᠨ ᠮᠥᠷᠲᠡᠭᠡᠨ ᠣᠯᠠᠨ ᠭᠠᠷᠴᠤ᠂ ᠨᠡᠶᠢᠭᠡᠮ ᠤᠨ ᠠᠮᠤᠷ ᠲᠦᠪᠰᠢᠨ ᠤ ᠬᠠᠮᠠᠭᠠᠯᠠᠯᠲᠠ ᠳᠤ ᠮᠠᠰᠢ ᠠᠷᠪᠢᠨ ᠰᠢᠨ᠎ᠡ ᠪᠠᠶᠢᠳᠠᠯ ᠰᠢᠨ᠎ᠡ ᠠᠰᠠᠭᠤᠳᠠᠯ ᠲᠤᠯᠭᠠᠷᠠᠵᠦ | ᠪᠠᠶᠢᠨ᠎ᠠ︔ ᠠᠮᠢ ᠠᠬᠤᠢ ᠶᠢᠨ ᠮᠠᠭᠤᠵᠢᠷᠠᠯ ᠤᠨ ᠬᠠᠨᠳᠤᠰᠢ ᠬᠡᠳᠦ᠋ᠢᠪᠡᠷ ᠤᠳᠠᠭᠠᠰᠢᠷᠠᠭᠰᠠᠨ ᠪᠣᠯᠪᠠᠴᠤ ᠠᠮᠢ ᠠᠬᠤᠢ ᠶᠢᠨ ᠣᠷᠴᠢᠨ ᠲᠣᠭᠤᠷᠢᠨ ᠮᠦᠨ ᠬᠦ ᠲᠦᠢᠯ ᠤᠨ | ᠬᠡᠪᠡᠷᠡᠭ ᠪᠠᠶᠢᠵᠤ᠂ ᠵᠠᠷᠢᠮ ᠭᠠᠵᠠᠷ ᠤᠷᠤᠨ ᠳᠤ ᠣᠷᠴᠢᠨ ᠲᠣᠭᠤᠷᠢᠨ ᠤ ᠪᠣᠬᠢᠷᠲᠤᠯ ᠤᠨ ᠬᠡᠷᠡᠭ ᠪᠠᠶᠢᠨ ᠪᠠᠶᠢᠨ ᠭᠠᠷᠴᠤ᠂ ᠬᠡᠰᠡᠭ ᠠᠵᠤ ᠦᠢᠯᠡᠰ ᠤᠨ ᠡᠨᠧᠷᠭᠢ ᠶᠢᠨ | ᠬᠤᠷᠣᠭᠳᠠᠯ᠂ ᠤᠰᠤᠨ ᠤ ᠬᠤᠷᠣᠭᠳᠠᠯ ᠪᠣᠯᠣᠨ ᠪᠣᠬᠢᠷᠲᠤᠯ ᠤᠨ ᠭᠠᠳᠠᠭᠰᠢᠯᠠᠭᠤᠯᠬᠤ ᠬᠡᠮᠵᠢᠶ᠎ᠡ ᠨᠡᠯᠢᠶᠡᠳ ᠬᠡᠴᠡᠭᠦᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠳᠠᠷᠤᠯᠲᠠ ᠮᠦᠨ ᠬᠦ ᠶᠡᠭᠡ ᠪᠠᠶᠢᠵᠤ᠂ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠬᠦᠨᠳᠦ ᠵᠠᠮ ᠤᠷᠳᠤ ᠪᠠᠶᠢᠨ᠎ᠠ︔ ᠵᠠᠰᠠᠭ ᠤᠨ | ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠬᠤ ᠪᠣᠯᠣᠨ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠲᠠᠯ᠎ᠠ ᠪᠠᠷ ᠪᠠᠰᠠ ᠪᠣᠳᠠᠲᠠᠶᠢᠵᠢᠭᠠᠳᠤᠢ᠂ ︽ | ᠳᠥᠷᠪᠡᠨ ᠰᠤᠷᠲᠠᠯ︾ ᠤᠨ ᠠᠰᠠᠭᠤᠳᠠᠯ ᠮᠦᠨ ᠬᠦ ᠠᠳᠠᠯᠢ ᠪᠤᠰᠤ ᠬᠡᠮᠵᠢᠶ᠎ᠡ ᠪᠠᠷ ᠣᠷᠣᠰᠢᠵᠤ᠂ ᠰᠤᠷᠲᠠᠯ ᠤᠨ ᠪᠠᠶᠢᠭᠤᠯᠤᠯᠲᠠ ᠶᠢᠨ ᠦᠷ᠎ᠡ ᠪᠦᠳᠦᠮᠵᠢ ᠶᠢ ᠤᠯᠠᠮ ᠨᠢᠭᠡ | ᠠᠯᠬᠤᠮ ᠪᠠᠬᠢᠵᠢᠬᠦᠯᠬᠦ ᠴᠢᠬᠤᠯᠠ ᠲᠠᠢ ᠪᠠᠶᠢᠵᠤ᠂ ᠢᠯᠵᠢᠷᠠᠯ ᠢ ᠡᠰᠡᠷᠬᠦᠴᠡᠨ ᠠᠷᠢᠭᠤᠨ ᠴᠢᠬᠡᠴᠢ ᠶᠢ ᠡᠷᠬᠢᠮᠯᠡᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠬᠤ | ᠴᠢᠬᠤᠯᠠ ᠲᠠᠢ ᠪᠠᠶᠢᠨ᠎ᠠ᠃ ᠡᠳᠡᠭᠡᠷ ᠠᠰᠠᠭᠤᠳᠠᠯ ᠤᠳ ᠲᠤ᠂ ᠪᠢᠳᠠ ᠠᠷᠭ᠎ᠠ ᠬᠡᠮᠵᠢᠶ᠎ᠡ ᠠᠪᠴᠤ ᠪᠠᠶᠢᠭᠠᠳ ᠬᠢᠨᠠᠮᠠᠭᠠᠢ ᠰᠢᠢᠳᠪᠦᠷᠢᠯᠡᠬᠦ ᠬᠡᠷᠡᠭᠲᠡᠢ᠃ | ᠬᠤᠶᠠᠷ᠂ 2015 ᠣᠨ ᠤ ᠠᠵᠢᠯ ᠤᠨ ᠭᠤᠣᠯ ᠡᠭᠦᠷᠭᠡ | ᠡᠨᠡ ᠵᠢᠯ ᠪᠣᠯ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠠᠭᠦᠯᠬᠦ ᠵᠠᠩᠭᠢᠯᠠᠭ᠎ᠠ ᠶᠢᠨ ᠵᠢᠯ᠂ ᠬᠠᠤᠯᠢ ᠶᠤᠰᠤᠭᠠᠷ ᠣᠷᠤᠨ ᠢᠶᠠᠨ ᠵᠠᠰᠠᠬᠤ ᠶᠢ ᠪᠦᠬᠦ | ᠲᠠᠯ᠎ᠠ ᠪᠠᠷ ᠠᠬᠢᠭᠤᠯᠬᠤ ᠶᠢᠨ ᠡᠬᠢᠯᠡᠯᠲᠡ ᠶᠢᠨ ᠵᠢᠯ ᠪᠣᠯᠣᠨ᠎ᠠ᠂ ᠮᠦᠨᠴᠦ ︽12 · 5︾ ᠶᠢᠨ ᠲᠦᠯᠦᠪᠵᠢᠭᠦᠯᠭᠡ ᠶᠢ ᠪᠦᠬᠦ ᠲᠠᠯ᠎ᠠ ᠪᠠᠷ ᠪᠡᠶᠡᠯᠡᠭᠦᠯᠵᠦ ᠳᠠᠭᠤᠰᠬᠠᠬᠤ | ᠨᠢᠭᠡ ᠵᠢᠯ ᠪᠣᠯᠣᠨ᠎ᠠ᠃ ᠮᠠᠨ ᠤ ᠡᠮᠤᠨ᠎ᠠ ᠲᠤᠯᠭᠠᠷᠠᠵᠤ ᠪᠠᠶᠢᠭ᠎ᠠ ᠪᠠᠶᠢᠳᠠᠯ ᠮᠦᠨ ᠬᠦ ᠬᠠᠲᠠᠭᠤ ᠴᠢᠩᠭ᠎ᠠ ᠪᠦᠭᠡᠳ ᠪᠣᠳᠣᠯᠢᠶᠠᠨᠲᠠᠢ ᠪᠠᠶᠢᠵᠤ᠂ ᠮᠠᠰᠢ ᠠᠷᠪᠢᠨ ᠠᠵᠠ | ᠲᠣᠬᠢᠶᠠᠯ ᠪᠠ ᠠᠰᠢᠭᠳᠠᠢ ᠨᠦᠬᠦᠴᠡᠯ ᠪᠠᠶᠢᠬᠤ ᠮᠦᠷᠲᠡᠭᠡᠨ ᠪᠠᠰᠠ ᠮᠠᠰᠢ ᠠᠷᠪᠢᠨ ᠠᠶᠤᠯ ᠲᠦᠭᠰᠢᠭᠦᠷᠢ ᠪᠠ ᠦᠷᠢᠰᠦᠯᠳᠦᠭᠡᠨ ᠲᠠᠢ ᠪᠠᠶᠢᠭ᠎ᠠ ᠪᠣᠯᠬᠤᠷ᠂ ᠠᠵᠤ | ᠠᠬᠤᠢ ᠶᠢᠨ ᠬᠦᠭᠵᠢᠯᠲᠡ ᠶᠢᠨ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠢᠲᠡᠭᠡᠯ ᠵᠣᠷᠢᠭ ᠢᠶᠠᠨ ᠪᠠᠲᠤᠳᠬᠠᠨ᠂ ᠯᠠᠪᠳᠠᠭᠤᠨ ᠪᠠᠲᠤᠲᠠᠢ | ᠠᠵᠢᠯᠯᠠᠵᠤ᠂ ᠰᠢᠨ᠎ᠡ ᠭᠠᠷᠤᠭ᠎ᠠ ᠲᠡᠬᠡᠷ᠎ᠠ ᠪᠠᠨ ᠮᠠᠨ ᠤ ᠣᠷᠣᠨ ᠤ ᠤᠳᠤᠬᠢᠴᠢᠯᠠᠯᠳᠠ ᠶᠢᠨ ᠪᠦᠳᠦᠬᠡᠨ ᠪᠠᠶᠢᠭᠤᠯᠤᠯᠳᠠ ᠶᠢᠨ ᠰᠢᠨ᠎ᠡ ᠪᠠᠶᠢᠳᠠᠯ ᠢ ᠤᠯᠠᠮ ᠨᠢᠭᠡ ᠠᠯᠬᠤᠮ | ᠨᠡᠭᠡᠭᠡᠨ ᠡᠬᠦᠳᠬᠦ ᠬᠡᠷᠡᠭᠳᠡᠢ᠃ ᠡᠨᠡ ᠵᠢᠯ ᠤᠨ ᠵᠠᠰᠠᠭ ᠤᠨ ᠣᠷᠳᠤᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ | ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ᠂ ᠲᠦᠷᠪᠡᠳᠦᠭᠡᠷ ᠪᠦᠭᠦᠳᠡ ᠬᠤᠷᠠᠯ ᠵᠢᠴᠢ ᠲᠥᠪ ᠤᠨ ᠠᠵᠤ ᠠᠬᠤᠢ ᠶᠢᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳ᠋ᠧᠩ ᠰᠢᠶᠤᠣ ᠫᠢᠩ ᠤᠨ ᠣᠨᠣᠯ᠂ ︽ᠭᠤᠷᠪᠠ ᠶᠢ ᠲᠦᠯᠦᠭᠡᠯᠡᠬᠦ︾ | ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠦᠭᠵᠢᠯᠲᠡ ᠶᠢᠨ ᠦᠵᠡᠯᠲᠡ ᠪᠠᠷ ᠵᠢᠯᠦᠭᠤᠳᠤᠯᠭ᠎ᠠ ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠯᠢ | ᠣᠯᠠᠨ ᠴᠢᠬᠤᠯᠠ ᠶᠠᠷᠢᠶ᠎ᠠ ᠪᠣᠯᠣᠨ ᠦᠪᠦᠷ ᠮᠣᠩᠭᠤᠯ ᠢ ᠰᠢᠨᠵᠢᠯᠡᠨ ᠪᠠᠶᠢᠴᠠᠭᠠᠬᠤ ᠳᠤ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠭᠤᠯᠵᠤ᠂ | ᠦᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠠᠷᠪᠠᠨ ᠨᠢᠭᠡᠳᠦᠭᠡᠷ᠂ ᠠᠷᠪᠠᠨ ᠬᠤᠶᠠᠳᠤᠭᠠᠷ ᠤᠳᠠᠭᠠᠨ ᠤ ᠪᠦᠬᠦ ᠭᠡᠰᠢᠭᠦᠳ | ︵ᠥᠷᠭᠡᠳᠭᠡᠭᠰᠡᠨ︶ ᠤᠨ ᠬᠤᠷᠠᠯ ᠪᠠ ᠶᠢᠰᠤᠳᠤᠭᠡᠷ ᠬᠤᠭᠤᠴᠠᠭᠠᠨ ᠤ ᠠᠷᠪᠠᠨ ᠭᠤᠷᠪᠠᠳᠤᠭᠠᠷ ᠤᠳᠠᠭᠠᠨ ᠤ ᠪᠦᠬᠦ ᠭᠡᠰᠢᠭᠦᠳ ᠤᠨ ᠬᠤᠷᠠᠯ ᠵᠢᠴᠢ ᠪᠦᠬᠦ ᠣᠷᠤᠨ ᠤ ᠠᠵᠤ | ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠯᠠᠪᠳᠠᠭᠤᠨ ᠢᠶᠠᠷ ᠤᠷᠤᠭᠰᠢᠯᠠᠨ ᠳᠠᠪᠰᠢᠭᠤᠯᠬᠤ ᠠᠵᠢᠯ ᠤᠨ | ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠵᠤ᠂ ᠠᠵᠤ ᠠᠬᠤᠢ ᠶᠢᠨ ᠨᠡᠮᠡᠭᠳᠡᠯ ᠤᠨ ᠶᠠᠰᠤ ᠴᠢᠨᠠᠷ ᠪᠣᠯᠣᠨ ᠦᠷ᠎ᠡ ᠠᠰᠢᠭ ᠢ ᠳᠡᠭᠡᠭᠰᠢᠯᠡᠭᠦᠯᠬᠦ ᠪᠠᠷ ᠭᠤᠤᠯ | ᠪᠣᠯᠭᠠᠬᠤ ᠶᠢ ᠪᠠᠷᠢᠮᠲᠠᠯᠠᠨ᠂ ᠠᠵᠤ ᠠᠬᠤᠢ ᠶᠢᠨ ᠬᠦᠭᠵᠢᠯᠲᠡ ᠶᠢᠨ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠠᠵᠤ ᠠᠬᠤᠢ ᠶᠢᠨ ᠵᠣᠬᠢᠰᠲᠠᠢ | ᠣᠷᠣᠨ ᠵᠠᠢ ᠶᠢᠨ ᠠᠵᠢᠯᠯᠠᠭᠠᠨ ᠢ ᠪᠠᠳᠤᠯᠠᠵᠤ᠂ ᠦᠷᠭᠦᠯᠵᠢᠯᠡᠨ ᠬᠦᠭᠵᠢᠬᠦ᠂ ᠬᠡᠯᠪᠡᠷᠢ ᠪᠠᠨ ᠬᠤᠪᠢᠷᠠᠭᠤᠯᠤᠨ ᠬᠦᠭᠵᠢᠬᠦ᠂ ᠵᠣᠬᠢᠴᠠᠩᠭᠤᠢ ᠬᠦᠭᠵᠢᠬᠦ ᠪᠠ ᠡᠶ᠎ᠡ | ᠵᠣᠬᠢᠴᠠᠯ ᠲᠠᠢ ᠬᠦᠭᠵᠢᠬᠦ ᠣᠨᠣᠯᠵᠢᠬᠤᠨ ᠢ ᠪᠠᠲᠤ ᠪᠠᠬᠢ ᠪᠣᠢ ᠪᠣᠯᠭᠠᠵᠤ᠂ ᠠᠷᠭ᠎ᠠ ᠮᠠᠶ᠋ᠢᠭ ᠢᠶᠠᠨ ᠬᠤᠪᠢᠷᠠᠭᠤᠯᠵᠤ ᠪᠦᠲᠦᠴᠡ ᠪᠠᠨ ᠲᠣᠬᠢᠷᠠᠭᠤᠯᠬᠤ ᠶᠢ ᠨᠡᠩ ᠴᠢᠬᠤᠯᠠ | ᠪᠠᠶᠢᠷᠢᠨ ᠳᠤ ᠲᠠᠯᠪᠢᠵᠦ᠂ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠶᠢ ᠬᠦᠴᠦᠲᠡᠢ ᠠᠳᠬᠤᠨ᠂ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠬᠤ ᠶᠢ | ᠳᠣᠪᠤᠶᠢᠯᠭᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠂ ᠠᠷᠠᠳ ᠤᠨ ᠠᠮᠢᠳᠤᠷᠠᠯ ᠤᠨ ᠪᠠᠳᠤᠯᠠᠭ᠎ᠠ ᠶᠢ ᠴᠢᠩᠭᠠᠳᠬᠠᠵᠤ᠂ ᠰᠢᠨ᠎ᠡ | ᠮᠠᠶ᠋ᠢᠭ ᠤᠨ ᠠᠵᠤ ᠦᠢᠯᠡᠳᠪᠦᠷᠢᠵᠢᠯᠲᠡ᠂ ᠮᠡᠳᠡᠭᠡ ᠵᠠᠩᠭᠢᠵᠢᠯᠲᠡ᠂ ᠬᠤᠲᠠ ᠪᠠᠯᠭᠠᠰᠤᠵᠢᠯᠲᠠ ᠪᠣᠯᠣᠨ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢ ᠵᠡᠷᠭᠡ | ᠳᠤᠨᠢ ᠠᠬᠢᠭᠤᠯᠵᠤ᠂ ︽ᠲᠠᠪᠤᠨ ᠲᠤᠮᠤ ᠰᠠᠭᠤᠷᠢᠨ ᠭᠠᠵᠠᠷ︾᠂ ︽ᠬᠤᠶᠠᠷ ᠬᠠᠯᠬᠠᠪᠴᠢ︾᠂ ︽ᠨᠢᠭᠡ ᠬᠦᠭᠦᠷᠭᠡᠨ ᠪᠠᠬᠢᠯᠡᠯᠲᠡ︾ ᠶᠢ ᠲᠦᠷᠭᠡᠳᠭᠡᠨ ᠪᠠᠶᠢᠭᠤᠯᠵᠤ᠂ | ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠢ ᠪᠦᠬᠦ ᠲᠠᠯ᠎ᠠ ᠪᠠᠷ ᠬᠦᠭᠵᠢᠭᠦᠯᠦᠨ᠂ ᠵᠠᠰᠠᠭ ᠤᠨ ᠣᠷᠳᠤᠨ ᠤ ᠡᠭᠦᠷᠭᠡ ᠴᠢᠳᠠᠪᠤᠷᠢ ᠪᠠᠨ ᠬᠤᠪᠢᠷᠠᠭᠤᠯᠬᠤ ᠶᠢ | ᠲᠦᠷᠭᠡᠳᠭᠡᠵᠤ᠂ ᠠᠵᠤ ᠠᠬᠤᠢ ᠶᠢ ᠦᠷᠭᠦᠯᠵᠢᠯᠡᠨ ᠡᠷᠡᠭᠦᠯ ᠢᠶᠠᠷ ᠬᠥᠭᠵᠢᠭᠦᠯᠬᠦ ᠪᠠ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠠᠬᠢᠭᠤᠯᠬᠤ ᠪᠣᠯᠣᠨ᠎ᠠ᠃ | ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 8% ᠣᠷᠴᠢᠮ ᠢᠶᠠᠷ ᠨᠡᠮᠡᠭᠳᠡᠭᠦᠯᠵᠦ᠂ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠢ 10% ᠪᠠᠷ ᠨᠡᠮᠡᠭᠳᠡᠭᠦᠯᠵᠦ᠂ ᠪᠦᠬᠦ ᠨᠡᠶᠢᠭᠡᠮ ᠤᠨ ᠲᠣᠭᠲᠠᠮᠠᠯ ᠬᠦᠷᠦᠩᠭᠡ ᠶᠢᠨ ᠪᠡᠯᠡ ᠣᠷᠤᠭᠤᠯᠤᠯᠲᠠ ᠶᠢ | 13% ᠪᠠᠷ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠬᠡᠷᠡᠭᠰᠡᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 11% ᠪᠠᠷ ᠨᠡᠮᠡᠭᠳᠡᠭᠦᠯᠵᠦ᠂ ᠡᠩ ᠤᠨ | ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠣᠷᠤᠯᠭ᠎ᠠ ᠶᠢ 6% ᠪᠠᠷ ᠨᠡᠮᠡᠭᠳᠡᠭᠦᠯᠵᠦ᠂ ᠬᠤᠲᠠ ᠪᠠᠯᠭᠠᠰᠤ ᠪᠣᠯᠣᠨ ᠲᠠᠷᠢᠶᠠᠯᠠᠬᠤ ᠮᠠᠯᠵᠢᠬᠤ ᠣᠷᠣᠨ ᠳᠠᠬᠢ | ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠤᠯᠭ᠎ᠠ ᠶᠢ ᠳᠤᠰ ᠪᠦᠷᠢ 9% ᠪᠠ 10% ᠠᠴᠠ ᠳᠡᠭᠡᠭᠰᠢ | ᠨᠡᠮᠡᠭᠳᠡᠭᠦᠯᠵᠦ᠂ ᠬᠤᠲᠠ ᠪᠠᠯᠭᠠᠰᠤ ᠶᠢᠨ ᠠᠵᠢᠯ ᠣᠯᠭᠤᠯᠲᠠ ᠶᠢ 25 ᠲᠦᠮᠡᠨ ᠬᠦᠮᠦᠨ ᠰᠢᠨ᠎ᠡ ᠪᠠᠷ ᠨᠡᠮᠡᠭᠳᠡᠭᠦᠯᠵᠦ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ | ᠬᠠᠩᠰᠢ ᠶᠢᠨ ᠦᠰᠥᠯᠲᠡ ᠶᠢᠨ ᠬᠡᠮᠵᠢᠶ᠎ᠡ ᠶᠢ 3% ᠣᠷᠴᠢᠮ ᠳᠤ ᠬᠢᠵᠠᠭᠠᠷᠯᠠᠵᠤ᠂ ᠨᠢᠭᠡᠴᠢ ᠦᠢᠯᠡᠳᠪᠦᠷᠢᠯᠡᠯ ᠤᠨ ᠶᠡᠷᠦᠩᠬᠡᠢ ᠦᠷᠲᠡᠭ ᠲᠠᠬᠢ ᠡᠨᠧᠷᠬᠢ ᠶᠢᠨ | ᠬᠤᠷᠣᠭᠳᠠᠭᠤᠯᠭ᠎ᠠ ᠪᠣᠯᠣᠨ ᠨᠡᠭᠦᠷᠡᠰᠦᠳᠦ᠋ᠷᠦᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠬᠤ ᠬᠡᠮᠵᠢᠶ᠎ᠡ ᠶᠢ ᠴᠦᠮ 2.2% ᠢᠶᠠᠷ ᠪᠠᠭᠤᠷᠭᠤᠯᠤᠨᠠ᠃ | ᠡᠳᠡᠭᠡᠷ ᠵᠢᠱᠢᠭᠰᠡᠨ ᠬᠠᠷᠠᠯᠲᠠ ᠶᠢ ᠲᠣᠭᠲᠠᠭᠠᠬᠤ ᠳᠤ᠂ ᠠᠵᠤ ᠠᠬᠤᠢ ᠶᠢᠨ ᠬᠦᠭᠵᠢᠯᠲᠡ ᠶᠢᠨ ᠰᠢᠨ᠎ᠡ ᠬᠡᠪ ᠪᠠᠶᠢᠳᠠᠯ ᠳᠠᠬᠢ ᠰᠢᠨ᠎ᠡ ᠣᠨᠴᠠᠯᠢᠭ ᠰᠢᠨ᠎ᠡ | ᠱᠠᠭᠠᠷᠳᠠᠯᠭ᠎ᠠ ᠵᠢᠴᠢ ᠡᠯ᠎ᠡ ᠵᠦᠢᠯ ᠤᠨ ᠬᠦᠴᠦᠨ ᠵᠦᠢᠯ ᠢ ᠭᠦᠢᠴᠡᠳ ᠪᠣᠳᠣᠯᠬᠢᠯᠠᠬᠤ ᠶᠢᠨ ᠬᠠᠮᠲᠤ᠂ ︽13 · 5︾ ᠶᠢᠨ ᠲᠦᠯᠦᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠪᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠠᠷᠠᠯᠲᠠ ᠯᠤᠭ᠎ᠠ ᠵᠣᠯᠭᠠᠭᠤᠯᠵᠤ᠂ ᠠᠵᠤ ᠠᠬᠤᠢ ᠶᠢᠨ ᠬᠦᠭᠵᠢᠯᠲᠡ ᠶᠢᠨ ᠵᠢᠮ᠎ᠡ | ᠬᠠᠤᠯᠢ ᠳᠤ ᠨᠡᠶᠢᠴᠡᠭᠦᠯᠵᠦ᠂ ᠣᠳᠣᠬᠢ ᠱᠠᠲᠤ ᠦᠶ᠎ᠡ ᠶᠢᠨ ᠮᠠᠨ ᠤ ᠣᠷᠣᠨ ᠤ ᠠᠵᠤ ᠠᠬᠤᠢ ᠶᠢᠨ ᠨᠡᠮᠡᠭᠳᠡᠯ ᠤᠨ ᠳᠠᠯᠳᠠ ᠬᠦᠴᠦᠨ ᠢ ᠲᠤᠰᠬᠠᠵᠤ᠂ ᠬᠤᠷᠳᠤᠴᠠ ᠪᠠᠨ | ᠨᠡᠮᠡᠭᠳᠡᠭᠦᠯᠬᠦ ᠪᠠ ᠠᠵᠤ ᠦᠢᠯᠡᠰ ᠤᠨ ᠳᠡᠰ ᠳᠡᠪᠰᠢᠬᠦ ᠬᠤᠣᠰ ᠱᠠᠭᠠᠷᠳᠠᠯᠭ᠎ᠠ ᠶᠢ ᠬᠠᠮᠳᠤ ᠳᠤᠨᠢ ᠬᠠᠷᠠᠭᠠᠯᠵᠠᠵᠤ᠂ ᠥᠨᠡᠨ ᠠᠴᠠ ᠵᠥᠪ ᠢ ᠡᠷᠢᠬᠦ᠂ ᠢᠳᠡᠪᠬᠢᠲᠡᠢ | ᠲᠣᠭᠲᠠᠭᠤᠨ ᠢᠶᠠᠷ᠂ ᠮᠦᠨ ᠴᠦ ᠬᠠᠲᠠᠭᠤᠵᠢᠯᠲᠠᠢ ᠴᠢᠷᠮᠠᠶᠢᠯᠭ᠎ᠠ ᠪᠠᠷ ᠰᠠᠶ᠋ᠢ ᠪᠡᠶᠡᠯᠡᠭᠦᠯᠵᠦ ᠴᠢᠳᠠᠬᠤ ᠪᠤᠯᠤᠨ᠎ᠠ᠃ ᠶᠡᠷᠦᠩᠬᠡᠢ ᠱᠠᠭᠠᠷᠳᠠᠯᠭ᠎ᠠ ᠶᠢ ᠰᠠᠶᠢᠲᠤᠷ ᠡᠵᠡᠮᠳᠡᠨ᠂ | ᠵᠢᠱᠢᠭᠰᠡᠨ ᠬᠠᠷᠠᠯᠳᠠ ᠶᠢ ᠪᠡᠶᠡᠯᠡᠬᠦᠯᠬᠦ ᠶᠢᠨ ᠵᠠᠩᠬᠢᠯᠠᠭ᠎ᠠ ᠨᠢ ᠪᠣᠯ ᠯᠠᠪᠳᠠᠭᠤᠨ ᠢᠶᠠᠷ ᠤᠷᠤᠭᠰᠢ ᠳᠠᠪᠰᠢᠭᠤᠯᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ | ᠪᠠᠷᠢᠮᠲᠠᠯᠠᠵᠤ᠂ ︽ᠯᠠᠪᠳᠠᠭᠤᠨ ᠪᠠᠶᠢᠯᠭᠠᠬᠤ︾ ᠶᠢᠨ ᠭᠤᠣᠯᠳᠠᠯᠭ᠎ᠠ ᠪᠠᠨ ᠠᠵᠤ ᠠᠬᠤᠢ ᠶᠢᠨ ᠠᠵᠢᠯᠯᠠᠭᠠᠨ ᠢ ᠲᠤᠭᠲᠠᠭᠤᠨ ᠪᠠᠶᠢᠯᠭᠠᠬᠤ ᠳᠤ ᠲᠠᠯᠪᠢᠵᠤ᠂ ᠨᠡᠮᠡᠭᠳᠡᠯ᠂ ᠠᠵᠢᠯ | ᠣᠯᠭᠤᠯᠲᠠ᠂ ᠪᠠᠷᠠᠭᠠᠨ ᠤ ᠦᠨ᠎ᠡ ᠬᠠᠩᠰᠢ ᠳᠤ ᠶᠡᠭᠡ ᠬᠡᠯᠪᠡᠯᠵᠡᠯ ᠭᠠᠷᠬᠤ ᠦᠭᠡᠢ ᠶᠢ ᠪᠠᠲᠤᠯᠠᠵᠤ᠂ ᠮᠥᠩᠭᠦᠨ ᠭᠦᠢᠯᠭᠡᠭᠡᠨ᠂ ᠭᠡᠷ ᠪᠠᠶᠢᠰᠢᠩ ᠭᠠᠵᠠᠷ ᠤᠨ ᠬᠦᠷᠦᠩᠭᠡ᠂ | ᠣᠷᠣᠨ ᠨᠣᠲᠤᠭ ᠤᠨ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠵᠡᠷᠭᠡ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠰᠢᠵᠤ ᠲᠡᠶᠢᠯᠬᠦ ᠶᠢ ᠦᠨᠡᠨᠬᠦ ᠪᠠᠳᠤᠯᠠᠬᠤ | ᠬᠡᠷᠡᠭᠲᠡᠢ︔ ︽ᠳᠠᠪᠰᠢᠬᠤ︾ ᠶᠢᠨ ᠭᠤᠣᠯᠳᠠᠯᠭ᠎ᠠ ᠪᠠᠨ ᠠᠵᠤ ᠠᠬᠤᠢ ᠶᠢᠨ ᠪᠦᠳᠦᠴᠡ ᠶᠢᠨ ᠲᠣᠬᠢᠷᠠᠭᠤᠯᠤᠯᠲᠠ ᠪᠠ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ | ᠲᠠᠯᠪᠢᠵᠤ᠂ ᠠᠵᠤ ᠠᠬᠤᠢ ᠶᠢᠨ ᠬᠦᠭᠵᠢᠯᠲᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠪᠠ ᠠᠵᠤ ᠠᠬᠤᠢ ᠶᠢᠨ ᠪᠦᠲᠦᠴᠡ ᠶᠢᠨ ᠲᠣᠬᠢᠷᠠᠭᠤᠯᠤᠯᠲᠠ ᠳᠤ ᠰᠢᠨ᠎ᠡ ᠦᠷ᠎ᠡ | ᠪᠥᠲᠦᠮᠵᠢ ᠣᠯᠬᠤ ᠶᠢ ᠦᠨᠡᠨᠬᠦ ᠪᠠᠳᠤᠯᠠᠬᠤ ᠶᠢ ᠭᠦᠢᠴᠡᠳ ᠪᠣᠳᠣᠯᠬᠢᠯᠠᠭᠰᠠᠨ ᠶᠤᠮ᠃ | ᠣᠳᠣᠬᠠᠨ ᠳᠤ᠂ ᠮᠠᠨ ᠤ ᠣᠯᠣᠰ ᠤᠨ ᠠᠵᠤ ᠠᠬᠤᠢ ᠶᠢᠨ ᠬᠦᠭᠵᠢᠯᠲᠡ ᠰᠢᠨ᠎ᠡ ᠬᠡᠪ ᠪᠠᠶᠢᠳᠠᠯ ᠳᠤ ᠣᠷᠤᠭᠰᠠᠨ ᠪᠠᠶᠢᠨ᠎ᠠ᠃ ᠡᠨᠡ ᠪᠣᠯ ᠰᠢ ᠶᠢᠨ ᠫᠢᠩ | ᠨᠦᠬᠦᠷ ᠢᠶᠠᠷ ᠶᠡᠷᠦᠩᠬᠡᠢ ᠱᠦᠵᠢ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠬᠦᠭᠵᠢᠯᠳᠡ ᠶᠢᠨ ᠲᠤᠷᠰᠢᠯᠭ᠎ᠠ ᠪᠠᠨ ᠪᠦᠬᠦ ᠲᠠᠯ᠎ᠠ ᠪᠠᠷ ᠳ᠋ᠦᠩᠨᠡᠵᠦ᠂ ᠣᠳᠣᠬᠠᠨ ᠤ | ᠪᠠᠶᠢᠳᠠᠯ ᠪᠠ ᠬᠤᠵᠢᠮ ᠤᠨ ᠬᠠᠨᠳᠤᠰᠢ ᠶᠢ ᠣᠨᠣᠪᠴᠢᠲᠠᠢ ᠰᠣᠳᠣᠯᠤᠨ ᠮᠠᠭᠠᠳᠯᠠᠵᠤ ᠭᠠᠷᠭᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠮᠠᠭᠠᠳᠯᠠᠯ ᠪᠣᠯᠬᠤ | ᠪᠦᠭᠡᠳ ᠮᠦᠨᠴᠦ ᠣᠳᠣᠬᠠᠨ ᠪᠠ ᠬᠤᠶᠢᠰᠢᠳᠠ ᠶᠢᠨ ᠨᠢᠭᠡ ᠬᠤᠭᠤᠴᠠᠭᠠᠨ ᠳᠠᠬᠢ ᠮᠠᠨ ᠤ ᠣᠷᠤᠨ ᠤ ᠠᠵᠤ ᠠᠬᠤᠢ ᠶᠢᠨ ᠬᠦᠭᠵᠢᠯᠲᠡ ᠶᠢᠨ ᠲᠣᠮᠣ ᠵᠦᠢᠴᠢᠯᠡᠯ ᠪᠣᠯᠣᠨ᠎ᠠ᠃ | ᠪᠢᠳᠡ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠲᠥᠪ ᠬᠤᠷᠢᠶ᠎ᠠ ᠪᠣᠯᠣᠨ ᠥᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠨ᠎ᠡ ᠬᠡᠪ ᠪᠠᠶᠢᠳᠠᠯ ᠤᠨ | ᠲᠤᠬᠠᠢ ᠵᠠᠳᠠᠯᠤᠨ ᠰᠣᠳᠣᠯᠵᠣ ᠮᠠᠭᠠᠳᠯᠠᠬᠤ ᠪᠠ ᠪᠠᠶᠢᠷᠢᠯᠠᠭᠤᠯᠬᠤ ᠱᠠᠭᠠᠷᠳᠠᠯᠭ᠎ᠠ ᠲᠠᠢ ᠨᠢᠭᠡᠳᠬᠡᠵᠦ᠂ ᠠᠵᠤ ᠠᠬᠤᠢ ᠨᠡᠶᠢᠭᠡᠮ ᠤᠨ ᠬᠦᠭᠵᠢᠯᠲᠡ ᠶᠢ ᠠᠬᠢᠭᠤᠯᠬᠤ | ᠰᠠᠨᠠᠭᠠᠴᠢᠯᠠᠭᠠᠳᠤ ᠡᠷᠬᠡ ᠪᠠᠨ ᠪᠠᠲᠤ ᠴᠢᠩᠭ᠎ᠠ ᠬᠦᠳᠦᠯᠦᠨ ᠤᠳᠤᠷᠢᠳᠬᠤ ᠪᠠ ᠡᠵᠡᠮᠰᠢᠬᠦ ᠬᠡᠷᠡᠭᠳᠠᠢ᠃ ᠨᠢᠭᠡ ᠳᠤ ᠰᠢᠨ᠎ᠡ ᠬᠡᠪ ᠪᠠᠶᠢᠳᠠᠯ ᠢ ᠵᠥᠪ ᠣᠨᠣᠪᠴᠢᠳᠠᠢ ᠲᠠᠨᠢᠬᠤ | ᠬᠡᠷᠡᠭᠲᠡᠢ᠃ ᠰᠢᠨ᠎ᠡ ᠬᠡᠪ ᠪᠠᠶᠢᠳᠠᠯ ᠤᠨ ᠦᠵᠡᠯ ᠰᠠᠨᠠᠭᠠᠨ ᠤ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠬᠢᠨᠠᠮᠠᠭᠠᠢ ᠰᠤᠷᠤᠯᠴᠠᠨ᠂ ᠭᠦᠨᠵᠡᠭᠡᠢ | ᠣᠶᠢᠯᠠᠭᠠᠵᠤ᠂ ᠰᠢᠨ᠎ᠡ ᠬᠡᠪ ᠪᠠᠶᠢᠳᠠᠯ ᠳᠣᠣᠷᠠᠬᠢ ᠬᠤᠷᠳᠤᠴᠠ ᠶᠢᠨ ᠬᠤᠪᠢᠷᠠᠯᠲᠠ᠂ ᠪᠦᠳᠦᠴᠡ ᠶᠢᠨ ᠰᠢᠯᠢᠳᠡᠭᠵᠢᠯ ᠪᠠ ᠬᠦᠳᠡᠯᠭᠡᠬᠦ ᠬᠦᠴᠦᠨ ᠤ ᠬᠤᠪᠢᠷᠠᠯ ᠤᠨ | ᠤᠨᠴᠠᠯᠢᠭ ᠢ ᠭᠦᠢᠴᠡᠳ ᠲᠠᠨᠢᠵᠦ᠂ ᠦᠵᠡᠯᠳᠡ ᠶᠢᠨ ᠲᠠᠯ᠎ᠠ ᠪᠠᠷ ᠲᠣᠬᠢᠷᠠᠯᠴᠠᠵᠤ᠂ ᠲᠠᠨᠢᠯᠲᠠ ᠶᠢᠨ ᠲᠠᠯ᠎ᠠ ᠪᠠᠷ ᠪᠤᠳᠠᠳᠠᠶᠢᠵᠢᠬᠤ ᠶᠢ ᠪᠡᠶᠡᠯᠡᠭᠦᠯᠦᠨ᠂ ᠠᠵᠤ ᠠᠬᠤᠢ ᠶᠢᠨ | ᠬᠦᠭᠵᠢᠯᠲᠡ ᠶᠢᠨ ᠶᠠᠰᠦ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠵᠤ ᠠᠬᠤᠢ ᠶᠢᠨ ᠠᠵᠢᠯᠯᠠᠭᠠᠨ ᠨᠢ ᠵᠣᠬᠢᠰᠲᠠᠢ | ᠣᠷᠣᠨ ᠵᠠᠢ ᠳᠤ ᠪᠠᠶᠢᠬᠤ ᠶᠢ ᠪᠠᠳᠤᠯᠠᠵᠤ᠂ ᠦᠷᠭᠦᠯᠵᠢᠯᠡᠨ ᠬᠥᠭᠵᠢᠭᠦᠯᠬᠦ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ᠂ ᠵᠣᠬᠢᠴᠠᠩᠭᠤᠢ ᠬᠥᠭᠵᠢᠭᠦᠯᠬᠦ᠂ ᠡᠶ᠎ᠡ | ᠵᠣᠬᠢᠴᠠᠯ ᠲᠠᠢ ᠬᠥᠭᠵᠢᠭᠦᠯᠬᠦ ᠤᠬᠠᠮᠰᠠᠷᠲᠤ ᠴᠢᠨᠠᠷ ᠪᠠ ᠲᠤᠯᠭᠠᠮ᠎ᠠ ᠴᠢᠨᠠᠷ ᠢ ᠦᠨᠡᠨᠬᠦ ᠴᠢᠩᠭᠠᠳᠬᠠᠬᠤ ᠬᠡᠷᠡᠭᠲᠡᠢ᠃ ᠬᠤᠶᠠᠷ ᠲᠤ ᠰᠢᠨ᠎ᠡ ᠬᠡᠪ ᠪᠠᠶᠢᠳᠠᠯ ᠳᠤ | ᠰᠠᠨᠠᠭᠠᠴᠢᠯᠠᠭ᠎ᠠ ᠲᠠᠢ ᠪᠠᠷ ᠲᠣᠬᠢᠷᠠᠯᠴᠠᠬᠤ ᠬᠡᠷᠡᠭᠲᠡᠢ᠃ ᠲᠤᠯᠭᠠᠷᠠᠵᠤ ᠪᠠᠶᠢᠭ᠎ᠠ ︽ᠭᠤᠷᠪᠠᠨ ᠬᠤᠭᠤᠴᠠᠭ᠎ᠠ ᠶᠢᠨ ᠳᠠᠪᠬᠤᠷᠳᠠᠯ︾ ᠤᠨ ᠵᠦᠷᠢᠴᠡᠯ ᠳᠤ ᠴᠢᠭᠯᠡᠭᠦᠯᠦᠨ᠂ | ᠰᠢᠨ᠎ᠡ ᠬᠡᠪ ᠪᠠᠶᠢᠳᠠᠯ ᠳᠣᠣᠷᠠᠬᠢ ᠠᠵᠤ ᠠᠬᠤᠢ ᠶᠢᠨ ᠬᠦᠭᠵᠢᠯᠲᠡ ᠶᠢᠨ ᠱᠠᠲᠤ ᠦᠶᠡᠯᠡᠯ ᠤᠨ ᠴᠢᠨᠠᠷᠲᠠᠢ ᠣᠨᠴᠠᠯᠢᠭ ᠪᠠ ᠬᠠᠨᠳᠤᠰᠢ ᠶᠢᠨ ᠴᠢᠨᠠᠷᠲᠠᠢ ᠬᠤᠪᠢᠷᠠᠯᠲᠠ ᠶᠢ | ᠣᠨᠣᠪᠴᠢᠲᠠᠢ ᠡᠵᠡᠮᠳᠡᠨ᠂ ᠠᠷᠭ᠎ᠠ ᠶᠢᠨ ᠲᠠᠯ᠎ᠠ ᠪᠠᠷ ᠲᠣᠬᠢᠷᠠᠮᠵᠢᠲᠠᠢ᠂ ᠠᠷᠭ᠎ᠠ ᠬᠡᠮᠵᠢᠶ᠎ᠠ ᠶᠢᠨ ᠲᠠᠯ᠎ᠠ ᠪᠠᠷ ᠬᠦᠴᠦᠲᠡᠢ ᠪᠣᠯᠭᠠᠵᠤ᠂ ᠦᠭᠡᠷᠡᠴᠢᠯᠡᠯᠲᠡ ᠶᠢᠨ ᠰᠡᠳᠬᠢᠮᠵᠢ᠂ | ᠰᠢᠨ᠎ᠡ ᠶᠢ ᠡᠭᠦᠳᠬᠦ ᠠᠷᠭ᠎ᠠ ᠪᠠᠷᠢᠯ ᠢᠶᠠᠷ ᠠᠵᠤ ᠠᠬᠤᠢ ᠶᠢᠨ ᠬᠦᠭᠵᠢᠯᠲᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠶᠢ ᠲᠦᠷᠭᠡᠳᠭᠡᠵᠦ᠂ ᠠᠵᠤ ᠠᠬᠤᠢ ᠶᠢᠨ | ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠵᠦ᠂ ᠠᠵᠤ ᠠᠬᠤᠢ ᠶᠢᠨ ᠰᠢᠨ᠎ᠡ ᠨᠡᠮᠡᠭᠳᠡᠯ ᠴᠡᠭ ᠢ ᠰᠡᠷᠡᠵᠦ ᠮᠡᠳᠡᠬᠦ ᠪᠠ ᠪᠤᠶᠢᠵᠢᠭᠤᠯᠵᠤ᠂ ᠠᠵᠤ ᠠᠬᠤᠢ | ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠪᠠ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠠᠬᠢᠭᠤᠯᠬᠤ ᠬᠡᠷᠡᠭᠳᠡᠢ᠃ ᠭᠤᠷᠪᠠ ᠳᠤ ᠰᠢᠨ᠎ᠡ | ᠬᠡᠪ ᠪᠠᠶᠢᠳᠠᠯ ᠢ ᠢᠳᠡᠪᠬᠢᠲᠡᠢ ᠬᠦᠳᠦᠯᠦᠨ ᠤᠳᠤᠷᠢᠳᠬᠤ ᠬᠡᠷᠡᠭᠲᠡᠢ᠃ ᠰᠢ ᠶᠢᠨ ᠫᠢᠩ ᠶᠡᠷᠥᠩᠬᠡᠢ ᠱᠥᠵᠢ ᠶᠢᠨ ︽ᠨᠠᠢᠮᠠᠨ ᠵᠦᠢᠯ ᠢ ᠨᠡᠩ ᠢᠯᠡᠭᠦᠦ ᠴᠢᠬᠤᠯᠠᠴᠢᠯᠠᠬᠤ︾ | ᠱᠠᠭᠠᠷᠳᠠᠯᠭ᠎ᠠ ᠶᠣᠰᠤᠭᠠᠷ᠂ ᠬᠦᠭᠵᠢᠯᠲᠡ ᠶᠢᠨ ᠶᠡᠭᠡ ᠲᠠᠯ᠎ᠠ ᠶᠢ ᠣᠨᠣᠪᠴᠢᠲᠠᠢ ᠡᠵᠡᠮᠳᠡᠨ᠂ ᠬᠦᠭᠵᠢᠯᠲᠡ ᠶᠢᠨ ᠵᠢᠮ᠎ᠡ ᠬᠠᠤᠯᠢ ᠶᠢ ᠰᠠᠨᠠᠭᠠᠴᠢᠯᠠᠭ᠎ᠠ ᠠᠴᠠ ᠪᠠᠨ ᠲᠠᠭᠠᠵᠤ᠂ | ᠠᠷᠭ᠎ᠠ ᠰᠦᠪᠡᠭᠴᠢᠯᠡᠬᠦ ᠲᠠᠯ᠎ᠠ ᠪᠠᠷ ᠤᠷᠢᠳᠴᠢᠯᠠᠭᠰᠠᠨ᠂ ᠠᠵᠢᠯᠯᠠᠭ᠎ᠠ ᠶᠢᠨ ᠲᠠᠯ᠎ᠠ ᠪᠠᠷ ᠠᠮᠵᠢᠯᠲᠠ ᠲᠠᠢ ᠪᠣᠯᠬᠤ ᠶᠢ ᠪᠡᠶᠡᠯᠡᠭᠦᠯᠵᠦ᠂ ᠱᠠᠯᠠᠮᠠᠭᠠᠶᠢᠯᠠᠨ ᠵᠢᠳᠭᠦᠬᠦ ᠵᠣᠷᠢᠭ | ᠰᠠᠨᠠᠭ᠎ᠠ ᠪᠠᠷ ᠰᠢᠨ᠎ᠡ ᠬᠡᠪ ᠪᠠᠶᠢᠳᠠᠯ ᠳᠠᠬᠢ ᠰᠢᠨ᠎ᠡ ᠠᠵᠠ ᠲᠣᠬᠢᠶᠠᠯ ᠢ ᠵᠠᠪᠳᠤᠨ ᠠᠳᠬᠤᠵᠤ᠂ ᠰᠢᠨ᠎ᠡ ᠬᠡᠪ ᠪᠠᠶᠢᠳᠠᠯ ᠳᠠᠬᠢ ᠰᠢᠨ᠎ᠡ ᠦᠷᠢᠰᠦᠯᠳᠦᠭᠡᠨ ᠢ ᠠᠷᠭᠠᠴᠠᠵᠤ᠂ | ᠴᠠᠭ ᠦᠶ᠎ᠡ ᠲᠠᠢ ᠵᠡᠷᠭᠡᠪᠡᠷ ᠤᠷᠤᠭᠰᠢᠯᠠᠨ ᠮᠠᠨ ᠤ ᠣᠷᠣᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠰᠢᠨ᠎ᠡ ᠪᠠᠶᠢᠳᠠᠯ ᠢ ᠨᠡᠭᠡᠭᠡᠨ ᠡᠭᠦᠳᠬᠦ ᠬᠡᠷᠡᠭᠲᠡᠢ᠃ | ᠡᠨᠡ ᠵᠢᠯ ᠳᠤ ᠭᠤᠣᠯᠳᠠᠯᠭ᠎ᠠ ᠲᠠᠢ ᠠᠷᠪᠠᠨ ᠲᠠᠯ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ | ︵ᠨᠢᠭᠡ︶ ᠳᠣᠳᠤᠭᠠᠳᠤ ᠬᠡᠷᠡᠭᠴᠡᠭᠡ ᠪᠠᠨ ᠥᠷᠭᠡᠳᠭᠡᠬᠦ ᠡᠨᠡᠬᠦ ᠪᠠᠶᠢᠯᠳᠤᠬᠤ ᠪᠣᠳᠣᠯᠭ᠎ᠠ ᠶᠢᠨ ᠥᠨᠳᠥᠰᠥᠨ ᠴᠡᠭ ᠢ ᠪᠠᠲᠤ ᠡᠵᠡᠮᠳᠡᠵᠦ᠂ ᠠᠵᠤ ᠠᠬᠤᠢ ᠶᠢᠨ | ᠲᠣᠭᠲᠠᠭᠤᠨ ᠨᠡᠮᠡᠭᠳᠡᠯ ᠢ ᠴᠢᠷᠮᠠᠶᠢᠨ ᠪᠠᠲᠤᠯᠠᠨ᠎ᠠ | ᠪᠡᠯᠡ ᠣᠷᠤᠭᠤᠯᠤᠯᠲᠠ ᠶᠢᠨ ᠲᠣᠭᠲᠠᠭᠤᠨ ᠨᠡᠮᠡᠭᠳᠡᠯ ᠢ ᠠᠬᠢᠭᠤᠯᠤᠨ᠎ᠠ᠃ ᠤᠯᠤᠰ ᠠᠴᠠ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ᠂ | ᠡᠨᠧᠷᠬᠢ ᠶᠢᠨ ᠡᠬᠢ ᠪᠠᠶᠠᠯᠢᠭ ᠤᠨ ᠳᠦᠷᠦᠯ ᠤᠨ ᠳᠦᠷᠦᠯ ᠵᠦᠢᠯ ᠢ ᠲᠠᠮᠵᠢᠬᠦ ᠪᠠᠨ ᠳᠤᠮᠳᠠ ᠪᠠᠷᠠᠭᠤᠨ ᠪᠡᠶ᠎ᠠ ᠶᠢᠨ ᠭᠠᠵᠠᠷ ᠣᠷᠣᠨ᠂ ᠥᠨᠳᠦᠰᠦᠲᠡᠨ ᠤ ᠭᠠᠵᠠᠷ ᠣᠷᠣᠨ | ᠲᠡᠰᠢ ᠡᠩ ᠲᠡᠷᠢᠭᠦᠨ ᠳᠤ ᠪᠠᠶᠢᠷᠢᠯᠠᠭᠤᠯᠬᠤ ᠴᠢᠬᠤᠯᠠ ᠶᠡᠭᠡ ᠠᠵᠠ ᠲᠣᠬᠢᠶᠠᠯ ᠢ ᠠᠳᠬᠤᠨ᠂ ᠤᠯᠤᠰ ᠤᠨ ᠳᠡᠮᠵᠢᠯᠭᠡ ᠶᠢ ᠢᠳᠡᠪᠬᠢᠲᠡᠢ ᠴᠢᠷᠮᠠᠶᠢᠨ ᠣᠯᠣᠨ᠎ᠠ᠃ ᠪᠡᠯᠡ | ᠣᠷᠤᠭᠤᠯᠤᠯᠲᠠ ᠪᠡᠯᠡ ᠲᠣᠬᠢᠷᠠᠭᠤᠯᠭ᠎ᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠥᠨᠵᠡᠭᠡᠶᠢᠷᠡᠭᠦᠯᠵᠦ᠂ ᠵᠠᠰᠠᠭ ᠤᠨ ᠣᠷᠳᠣᠨ ᠠᠴᠠ ᠪᠡᠯᠡ ᠣᠷᠤᠭᠤᠯᠬᠤ᠂ | ᠨᠡᠶᠢᠭᠡᠮ ᠠᠴᠠ ᠪᠡᠯᠡ ᠣᠷᠤᠭᠤᠯᠬᠤ ᠪᠠ ᠬᠤᠳᠠᠯᠳᠤᠭᠠᠴᠢᠨ ᠤᠷᠢᠵᠤ ᠪᠡᠯᠡ ᠣᠷᠤᠭᠤᠯᠬᠤ ᠪᠦᠬᠡᠭᠡᠨᠡᠷᠡᠯ ᠤᠨ ᠥᠢᠯᠡᠳᠦᠯ ᠢ ᠪᠤᠢ ᠪᠣᠯᠭᠠᠨ᠎ᠠ᠃ ᠵᠠᠰᠠᠭ ᠤᠨ ᠣᠷᠳᠣᠨ ᠤ | ᠪᠡᠯᠡ ᠣᠷᠤᠭᠤᠯᠤᠯᠲᠠ ᠶᠢᠨ ᠬᠦᠳᠦᠯᠦᠨ ᠵᠢᠯᠣᠭᠤᠳᠬᠤ ᠥᠢᠯᠡᠳᠦᠯ ᠢ ᠭᠦᠢᠴᠡᠳ ᠪᠠᠳᠠᠷᠠᠭᠤᠯᠵᠤ᠂ ᠭᠤᠣᠯᠳᠠᠯᠭ᠎ᠠ ᠲᠠᠢ ᠠᠵᠤ ᠦᠢᠯᠡᠰ ᠤᠨ ᠬᠦᠭᠵᠢᠯᠲᠡ ᠶᠢᠨ ᠪᠡᠯᠡ | ᠮᠦᠩᠭᠦ ᠪᠠᠶᠢᠭᠤᠯᠬᠤ᠂ ᠰᠢᠨ᠎ᠡ ᠪᠠᠷ ᠪᠣᠢ ᠪᠣᠯᠤᠭᠰᠠᠨ ᠠᠵᠤ ᠦᠢᠯᠡᠰ ᠤᠨ ᠬᠦᠭᠵᠢᠯᠲᠡ ᠶᠢᠨ ᠰᠠᠭᠤᠷᠢ ᠮᠥᠩᠭᠦ ᠵᠢᠴᠢ ᠣᠨᠴᠠ ᠵᠦᠪᠰᠢᠶᠡᠷᠡᠭᠰᠡᠨ ᠡᠵᠡᠩᠨᠡᠯᠲᠡ᠂ ᠪᠡᠯᠡ | ᠣᠷᠤᠭᠤᠯᠤᠯᠲᠠ ᠶᠢᠨ ᠨᠥᠬᠦᠪᠥᠷᠢ᠂ ᠵᠠᠰᠠᠭ ᠤᠨ ᠣᠷᠳᠣᠨ ᠥᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠡᠶᠢᠭᠡᠮ ᠤᠨ | ᠬᠦᠷᠦᠩᠭᠡ ᠶᠢᠨ ᠪᠡᠯᠡ ᠣᠷᠤᠭᠤᠯᠤᠯᠲᠠ ᠳᠤ ᠣᠷᠣᠯᠴᠠᠬᠤ ᠶᠢ ᠪᠦᠳᠦᠮᠵᠢᠲᠡᠢ ᠳᠠᠶᠢᠴᠢᠯᠠᠨ᠎ᠠ᠃ ᠣᠯᠠᠨ ᠳᠡᠰ ᠳᠠᠪᠬᠤᠷᠭ᠎ᠠ ᠶᠢᠨ ᠬᠦᠷᠦᠩᠭᠡ ᠶᠢᠨ ᠵᠠᠬ᠎ᠠ ᠳᠡᠯᠭᠡᠭᠦᠷ ᠢ | ᠲᠦᠷᠭᠡᠳᠬᠡᠨ ᠪᠤᠶᠢᠵᠢᠭᠤᠯᠵᠤ᠂ ᠰᠢᠭᠤᠳ ᠪᠡᠯᠡ ᠲᠣᠬᠢᠷᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠠᠷᠠᠳ ᠤᠨ ᠲᠤᠮᠳᠠᠬᠢ ᠬᠦᠷᠦᠩᠭᠡ ᠮᠦᠡᠭᠬᠦ ᠨᠦᠭᠦᠳ ᠠᠵᠤ | ᠦᠢᠯᠡᠰ ᠲᠤ ᠪᠡᠯᠡ ᠣᠷᠤᠭᠤᠯᠤᠯᠲᠠ ᠪᠠ ᠰᠲ᠋ᠣᠺ ᠤᠨ ᠡᠷᠬᠡ ᠳᠤ ᠪᠡᠯᠡ ᠣᠷᠤᠭᠤᠯᠤᠯᠲᠠ ᠶᠢᠨ ᠰᠠᠭᠤᠷᠢ ᠮᠥᠩᠭᠦ ᠡᠬᠦᠰᠬᠡᠨ ᠪᠠᠶᠢᠭᠤᠯᠬᠤ ᠶᠢ ᠵᠣᠷᠢᠬᠵᠢᠭᠤᠯᠵᠤ᠂ | ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠪᠠᠷ ᠳᠠᠮᠵᠢᠵᠤ ᠪᠡᠯᠡ ᠮᠦᠩᠭᠦ ᠴᠤᠭᠯᠠᠭᠤᠯᠵᠤ᠂ ᠨᠥᠭᠦᠴᠡᠯ ᠲᠠᠢ ᠳᠤᠮᠳᠠ ᠵᠢᠵᠢᠭ ᠠᠵᠤ ᠠᠬᠤᠶᠢᠯᠠᠯ ᠤᠳ ᠤᠨ ᠰᠲ᠋ᠣᠺ ᠤᠨ | ᠡᠷᠬᠡ ᠪᠠᠷ ᠢᠶᠠᠨ ᠪᠡᠯᠡ ᠲᠣᠬᠢᠷᠠᠭᠤᠯᠭ᠎ᠠ ᠬᠢᠬᠦ ᠶᠢ ᠳᠡᠮᠵᠢᠨ᠎ᠠ᠃ ᠵᠠᠰᠠᠭ ᠤᠨ ᠣᠷᠳᠣᠨ ᠪᠣᠯᠣᠨ ᠨᠡᠶᠢᠭᠡᠮ ᠤᠨ ᠬᠦᠷᠦᠩᠭᠡ ᠬᠤᠷᠰᠢᠯᠴᠠᠬᠤ ᠵᠠᠭᠪᠤᠷ ᠢ ᠶᠡᠬᠡᠪᠡᠷ | ᠳᠡᠯᠭᠡᠷᠡᠭᠦᠯᠵᠦ᠂ ᠦᠯᠡᠳᠡᠭᠡᠯ ᠡᠳ᠋ ᠬᠦᠷᠦᠩᠭᠡ ᠪᠠᠷ ᠰᠲ᠋ᠣᠺ ᠤᠨ ᠡᠷᠬᠡ ᠪᠣᠯᠭᠠᠵᠤ᠂ ᠪᠦᠳᠦᠭᠡᠨ ᠪᠠᠶᠢᠭᠤᠯᠤᠯᠲᠠ ᠶᠢᠨ ᠡᠭᠦᠷᠭᠡ ᠪᠠᠷ ᠪᠡᠯᠡ ᠮᠥᠩᠭᠦ ᠤᠷᠢᠵᠤ᠂ ᠲᠣᠮᠤ | ᠠᠵᠤ ᠠᠬᠤᠶᠢᠯᠠᠯ ᠯᠤᠭ᠎ᠠ ᠭᠦᠨᠵᠡᠭᠡᠢ ᠬᠤᠷᠰᠢᠯᠴᠠᠬᠤ ᠶᠢ ᠴᠢᠩᠭᠠᠳᠬᠠᠨ᠂ ᠰᠠᠭᠤᠷᠢ ᠪᠡᠯᠡᠳᠭᠡᠮᠵᠢ ᠶᠢᠨ ᠪᠦᠳᠦᠭᠡᠨ ᠪᠠᠶᠢᠭᠤᠯᠤᠯᠲᠠ ᠶᠢᠨ ᠪᠡᠯᠡ ᠲᠣᠬᠢᠷᠠᠭᠤᠯᠭ᠎ᠠ ᠶᠢᠨ | ᠵᠠᠭᠪᠣᠷ ᠢ ᠰᠢᠨ᠎ᠡ ᠶᠢ ᠡᠭᠦᠳᠦᠨ᠎ᠡ᠃ ᠵᠠᠰᠠᠭ ᠤᠨ ᠣᠷᠳᠣᠨ ᠤ ᠴᠢᠨᠠᠷᠲᠠᠢ ᠳᠠᠭᠠᠭᠠᠯᠲᠠ ᠶᠢᠨ ᠪᠡᠯᠡ ᠮᠦᠩᠭᠦ ᠶᠢᠨ ᠣᠷᠤᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ | ᠢᠲᠡᠭᠡᠮᠵᠢ ᠶᠢᠨ ᠳᠠᠭᠠᠭᠠᠯᠲᠠ ᠬᠢᠬᠦ᠂ ᠳᠠᠮ ᠬᠦᠦ ᠲᠠᠢ ᠵᠢᠭᠡᠯᠡᠯᠭᠡ ᠵᠡᠷᠭᠡ ᠲᠥᠷᠥ ᠶᠢᠨ ᠪᠣᠳᠣᠯᠭ᠎ᠠ ᠶᠢᠨ ᠪᠠᠭᠠᠵᠢ ᠬᠡᠷᠡᠭᠰᠡᠯ ᠤᠨ ᠦᠢᠯᠡᠳᠦᠯ ᠢ ᠪᠠᠳᠠᠷᠠᠭᠤᠯᠤᠨ᠎ᠠ᠃ | ᠪᠣᠬᠢᠷᠳᠤᠯ ᠭᠠᠳᠠᠭᠰᠢᠯᠠᠭᠤᠯᠬᠤ ᠡᠷᠬᠡ᠂ ᠰᠦᠢᠳᠭᠡᠯ ᠬᠤᠷᠢᠶᠠᠬᠤ ᠡᠷᠬᠡ᠂ ᠭᠠᠵᠠᠷ ᠰᠢᠷᠦᠢ ᠳᠠᠭᠠᠭᠠᠴᠢᠯᠠᠨ ᠡᠵᠡᠩᠨᠡᠬᠦ ᠡᠷᠬᠡ ᠵᠡᠷᠭᠡ ᠳᠠᠨᠵᠢᠯᠠᠭ᠎ᠠ ᠲᠠᠢ ᠵᠢᠭᠡᠯᠡᠯᠭᠡ ᠶᠢ | ᠢᠳᠡᠪᠬᠢᠲᠡᠢ ᠦᠷᠨᠢᠭᠦᠯᠵᠦ᠂ ᠭᠠᠵᠠᠷ ᠰᠢᠷᠦᠢ᠂ ᠠᠭᠤᠷᠬᠠᠢ ᠶᠢᠨ ᠡᠷᠬᠡ ᠪᠠᠷ ᠪᠠᠷᠢᠴᠠᠭᠠᠯᠠᠵᠤ ᠪᠡᠯᠡ ᠲᠤᠬᠢᠷᠠᠭᠤᠯᠬᠤ ᠶᠢ ᠠᠬᠢᠭᠤᠯᠤᠨ᠎ᠠ᠃ | ᠭᠤᠣᠯᠳᠠᠯᠭ᠎ᠠ ᠲᠠᠢ ᠳᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠪᠦᠳᠦᠴᠡ ᠪᠠᠨ ᠲᠣᠬᠢᠷᠠᠭᠤᠯᠬᠤ᠂ ᠳᠤᠳᠠᠮᠠᠭ ᠵᠦᠢᠯ ᠢᠶᠠᠨ | ᠨᠦᠬᠦᠪᠦᠷᠢᠯᠡᠬᠦ ᠶᠢᠨ ᠲᠣᠭᠤᠷᠢᠨ ᠳᠤ᠂ ᠨᠢᠭᠡᠨ ᠪᠦᠯᠦᠭ ᠪᠦᠬᠦ ᠲᠠᠯ᠎ᠠ ᠶᠢᠨ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠴᠢᠬᠤᠯᠠ ᠶᠡᠭᠡ ᠲᠦᠷᠦᠯ ᠵᠦᠢᠯ ᠤᠳ ᠢ | ᠲᠦᠷᠭᠡᠳᠭᠡᠨ ᠬᠡᠷᠡᠭᠵᠢᠭᠦᠯᠵᠦ᠂ ᠪᠦᠲᠦᠮᠵᠢᠲᠡᠢ ᠪᠡᠯᠡ ᠣᠷᠤᠭᠤᠯᠤᠯᠲᠠ ᠶᠢ ᠴᠢᠷᠮᠠᠶᠢᠨ ᠨᠡᠮᠡᠭᠳᠡᠭᠦᠯᠵᠦ᠂ ᠪᠦᠬᠦ ᠵᠢᠯ ᠳᠤ 500 ᠲᠦᠮᠡᠨ ᠲᠦᠭᠦᠷᠢᠭ ᠠᠴᠠ ᠳᠡᠭᠡᠭᠰᠢᠬᠢ | ᠳᠦᠷᠦᠯ ᠵᠦᠢᠯ ᠢ ᠰᠢᠨ᠎ᠡ ᠪᠠᠷ ᠪᠠᠷᠢᠯᠭ᠎ᠠ ᠡᠬᠢᠯᠡᠭᠦᠯᠬᠦ ᠬᠡᠪᠴᠢᠶᠡᠵᠢᠯ ᠢ 1.5 ᠲᠦᠮᠡᠨ ᠳ᠋ᠦᠩᠰᠢᠭᠤᠷ ᠲᠦᠭᠦᠷᠢᠭ ᠲᠤ ᠬᠦᠷᠦᠭᠦᠯᠵᠦ᠂ ᠲᠣᠭᠲᠠᠮᠠᠯ ᠬᠦᠷᠦᠩᠭᠡ ᠶᠢᠨ ᠪᠡᠯᠡ | ᠣᠷᠤᠭᠤᠯᠤᠯᠲᠠ ᠶᠢ 1.34 ᠲᠦᠮᠡᠨ ᠳ᠋ᠦᠩᠰᠢᠭᠤᠷ ᠲᠦᠭᠦᠷᠢᠭ ᠪᠡᠶᠡᠯᠡᠭᠦᠯᠦᠨ᠎ᠠ᠃ ᠪᠣᠭᠤᠳᠤ ᠶᠢᠨ ᠪᠣᠯᠣᠳ ᠲᠡᠮᠦᠷ ᠤᠨ ᠦᠢᠯᠡᠳᠪᠦᠷᠢ ᠶᠢᠨ 350 ᠲᠦᠮᠡᠨ ᠲᠤᠨ | ᠬᠤᠪᠤᠷ ᠰᠢᠷᠤᠢ ᠶᠢᠨ ᠬᠦᠢᠲᠡᠨ ᠬᠡᠪᠰᠢᠭᠦᠯᠭᠡ᠂ ᠣᠷᠳᠣᠰ ᠤᠨ ᠨᠡᠭᠦᠷᠡᠰᠦ ᠶᠢ ᠴᠡᠪᠡᠷᠰᠢᠭᠦᠯᠦᠨ ᠳᠡᠭᠡᠳᠦ ᠪᠦᠲᠦᠮᠵᠢᠲᠡᠢ ᠪᠠᠷ ᠠᠰᠢᠭᠯᠠᠬᠤ ᠵᠡᠷᠭᠡ ᠳ᠋ᠦᠩᠰᠢᠭᠤᠷ | ᠲᠦᠭᠦᠷᠢᠭ ᠠᠴᠠ ᠳᠡᠭᠡᠭᠰᠢᠬᠢ ᠰᠢᠨ᠎ᠡ ᠪᠠᠷ ᠪᠠᠶᠢᠭᠤᠯᠬᠤ ᠦᠷᠭᠦᠯᠵᠢᠯᠡᠨ ᠪᠠᠶᠢᠭᠤᠯᠬᠤ 1000 ᠲᠦᠷᠦᠯ ᠵᠦᠢᠯ ᠤᠳ ᠢ ᠢᠳᠡᠪᠬᠢᠲᠡᠢ ᠪᠠᠷ ᠠᠬᠢᠭᠤᠯᠵᠤ᠂ | 400 ᠶᠢ ᠰᠢᠨ᠎ᠡ ᠪᠠᠷ ᠠᠰᠢᠭᠯᠠᠯᠲᠠ ᠳᠤ ᠣᠷᠤᠭᠤᠯᠬᠤ ᠪᠠᠷ ᠴᠢᠷᠮᠠᠶᠢᠨ᠎ᠠ᠃ ᠰᠢᠯᠢ ᠶᠢᠨ ᠭᠤᠣᠯ ᠠᠴᠠ ᠵᠢᠨᠠᠨ ᠳᠤ ᠬᠦᠷᠬᠦ ᠤᠨᠴᠠ ᠦᠨᠳᠦᠷ ᠬᠦᠴᠦᠳᠡᠯᠳᠦ ᠴᠠᠬᠢᠯᠭᠠᠨ ᠢ | ᠭᠠᠳᠠᠭᠰᠢ ᠲᠠᠮᠵᠢᠭᠤᠯᠬᠤ ᠳᠤ ᠰᠠᠭᠠᠳ ᠦᠭᠡᠢ ᠨᠡᠪᠲᠡᠷᠡᠬᠦ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠦ᠂ ᠰᠢᠯᠢ ᠶᠢᠨ ᠭᠤᠣᠯ ᠠᠶᠢᠮᠠᠭ ᠠᠴᠠ ᠵᠢᠶᠠᠩᠰᠤ ᠳᠤ | ᠬᠦᠷᠬᠦ᠂ ᠦᠪᠦᠷ ᠮᠣᠩᠭᠤᠯ ᠤᠨ ᠪᠠᠷᠠᠭᠤᠨ ᠪᠡᠶ᠎ᠠ ᠠᠴᠠ ᠲᠢᠶᠠᠨᠵᠢᠨ ᠤ ᠡᠮᠤᠨ᠎ᠠ ᠳᠤ ᠬᠦᠷᠬᠦ᠂ ᠱᠠᠩᠬᠤ ᠰᠦᠮ᠎ᠠ ᠠᠴᠠ ᠱᠠᠨᠳᠦ᠋ᠩ ᠳᠤ ᠬᠦᠷᠬᠦ ᠵᠡᠷᠭᠡ ᠤᠨᠴᠠ ᠦᠨᠳᠦᠷ | ᠬᠦᠴᠦᠳᠡᠯᠳᠦ ᠴᠠᠬᠢᠯᠭᠠᠨ ᠢ ᠭᠠᠳᠠᠭᠰᠢ ᠲᠠᠮᠵᠢᠭᠤᠯᠬᠤ ᠶᠢᠨ ᠨᠡᠪᠲᠡᠷᠡᠬᠦ ᠵᠠᠮ ᠢ ᠡᠷᠲᠡᠬᠡᠨ ᠪᠠᠷᠢᠯᠭ᠎ᠠ ᠡᠬᠢᠯᠡᠭᠦᠯᠬᠦ ᠶᠢ ᠠᠬᠢᠭᠤᠯᠵᠤ᠂ ᠦᠪᠦᠷ ᠮᠣᠩᠭᠤᠯ ᠤᠨ ᠪᠠᠷᠠᠭᠤᠨ | ᠪᠡᠶ᠎ᠡ ᠠᠴᠠ ᠬᠤᠪᠸᠢ ᠶᠢᠨ ᠦᠬᠠᠨ ᠳᠤ ᠬᠦᠷᠬᠦ᠂ ᠲᠦᠩᠯᠢᠶᠤᠣ ᠶᠢᠨ ᠬᠤᠶᠢᠳᠤ ᠪᠡᠶ᠎ᠡ ᠠᠴᠠ ᠾᠤᠨᠠᠨ ᠳᠤ ᠬᠦᠷᠬᠦ ᠣᠨᠴᠠ ᠦᠨᠳᠦᠷ ᠬᠦᠴᠦᠳᠡᠯ ᠤᠨ ᠴᠠᠬᠢᠯᠭᠠᠨ ᠢ | ᠭᠠᠳᠠᠭᠰᠢ ᠲᠠᠮᠵᠢᠭᠤᠯᠬᠤ ᠳᠤ ᠰᠠᠭᠠᠳ ᠦᠭᠡᠢ ᠨᠡᠪᠲᠡᠷᠡᠬᠦ ᠵᠠᠮ ᠢ ᠤᠯᠤᠰ ᠤᠨ ︽13 · 5︾ ᠶᠢᠨ ᠲᠦᠯᠦᠪᠵᠢᠭᠦᠯᠭᠡ ᠳᠤ ᠵᠢᠭᠰᠠᠭᠠᠨ ᠣᠷᠤᠭᠤᠯᠬᠤ ᠪᠠᠷ ᠴᠢᠷᠮᠠᠶᠢᠨ᠎ᠠ᠃ | ᠴᠠᠬᠢᠯᠭᠠᠨ ᠲᠣᠤᠷ ᠯᠤᠭ᠎ᠠ ᠲᠦᠬᠦᠷᠵᠢᠭᠰᠡᠨ ᠴᠠᠬᠢᠯᠭᠠᠨ ᠡᠭᠦᠰᠭᠡᠯ ᠤᠨ ᠭᠠᠵᠠᠷ ᠪᠤᠯᠤᠨ ᠨᠡᠭᠦᠷᠡᠰᠦᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠭᠡᠵᠦ᠂ ᠵᠡᠷᠭᠡᠪᠡᠷ ᠠᠵᠢᠯ ᠡᠬᠢᠯᠡᠭᠦᠯᠵᠦ᠂ ᠵᠡᠷᠭᠡᠪᠡᠷ ᠪᠦᠲᠦᠭᠡᠨ ᠪᠠᠶᠢᠭᠤᠯᠵᠤ᠂ ᠵᠡᠷᠭᠡᠪᠡᠷ ᠦᠷ᠎ᠡ ᠪᠦᠲᠦᠮᠵᠢ ᠣᠯᠬᠤ ᠶᠢ ᠴᠢᠷᠮᠠᠶᠢᠨ ᠪᠡᠶᠡᠯᠡᠭᠦᠯᠦᠨ᠎ᠡ᠃ ᠳᠡᠭᠡᠳᠦ | ᠬᠤᠷᠳᠤ ᠶᠢᠨ ᠵᠠᠰᠠᠮᠠᠯ ᠵᠠᠮ᠂ ᠪᠣᠭᠤᠮᠲᠠ ᠶᠢᠨ ᠵᠠᠰᠠᠮᠠᠯ ᠵᠠᠮ᠂ ᠭᠤᠣᠯ ᠵᠠᠰᠠᠮᠠᠯ ᠵᠠᠮ ᠪᠣᠯᠣᠨ ᠮᠠᠯᠵᠢᠬᠤ ᠳᠠᠷᠢᠶᠠᠯᠠᠬᠤ ᠣᠷᠣᠨ ᠤ ᠵᠠᠰᠠᠮᠠᠯ ᠵᠠᠮ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ 700 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠵᠤ᠂ ᠳᠡᠭᠡᠲᠤ | ᠬᠤᠷᠳᠤ ᠶᠢᠨ ᠵᠠᠰᠠᠮᠠᠯ ᠵᠠᠮ ᠤᠨ ᠲᠡᠷᠭᠡ ᠨᠡᠪᠲᠡᠷᠡᠭᠦᠯᠬᠦ ᠤᠷᠳᠤ ᠶᠢ 5000 ᠺᠢᠯᠣᠮᠧᠲᠷ ᠠᠴᠠ ᠳᠠᠪᠠᠭᠤᠯᠵᠤ᠂ ᠪᠠᠷᠤᠭᠰᠢᠨ ᠱᠦᠢᠨᠢ ᠵᠠᠮ ᠨᠡᠪᠳᠡᠷᠡᠬᠦ ᠭᠠᠴᠠᠭ᠎ᠠ | ᠲᠤᠰᠬᠤᠨ ᠢ ᠰᠢᠨ᠎ᠡ ᠪᠠᠷ 1000 ᠨᠡᠮᠡᠭᠳᠡᠭᠦᠯᠵᠦ᠂ ᠭᠠᠴᠠᠭ᠎ᠠ ᠲᠤᠰᠬᠤᠨ ᠵᠡᠭᠡᠯᠢ ᠭᠤᠳᠤᠮᠵᠢ ᠶᠢᠨ ᠵᠠᠮ ᠢ ᠬᠠᠲᠠᠭᠤᠷᠠᠭᠤᠯᠬᠤ ᠡᠭᠦᠷᠭᠡ ᠶᠢ ᠨᠢᠭᠡ ᠵᠢᠯ ᠤᠷᠢᠳᠴᠢᠯᠠᠨ | ᠪᠡᠶᠡᠯᠡᠭᠦᠯᠦᠨ᠎ᠡ᠃ ᠬᠦᠬᠡᠬᠤᠲᠠ ᠠᠴᠠ ᠴᠢᠭᠤᠯᠤᠯᠲᠤ ᠬᠠᠭᠠᠯᠭ᠎ᠠ ᠳᠤ ᠬᠦᠷᠬᠦ ᠠᠶᠠᠨᠴᠢᠳ ᠤᠨ ᠲᠡᠭᠡᠭᠡᠪᠦᠷᠢ ᠶᠢᠨ ᠲᠤᠰᠬᠠᠢ ᠱᠣᠭᠤᠮ ᠤᠨ ᠲᠡᠮᠦᠷ ᠵᠠᠮ᠂ | ᠬᠦᠬᠡᠬᠤᠲᠠ ᠠᠴᠠ ᠵᠡᠭᠦᠨᠭᠠᠷ ᠣᠷᠳᠣᠰ ᠬᠦᠷᠬᠦ ᠲᠦᠷᠭᠡᠨ ᠬᠤᠷᠳᠤ ᠶᠢᠨ ᠲᠡᠮᠦᠷ ᠵᠠᠮ ᠵᠡᠷᠭᠡ ᠪᠠᠶᠢᠭᠤᠯᠵᠤ ᠪᠠᠶᠢᠭ᠎ᠠ ᠲᠦᠷᠦᠯ ᠵᠦᠢᠯ ᠤᠳ ᠢ ᠲᠦᠷᠭᠡᠳᠭᠡᠨ ᠠᠬᠢᠭᠤᠯᠵᠤ᠂ | ᠲᠦᠩᠯᠢᠶᠤᠣ᠂ ᠤᠯᠠᠭᠠᠠᠬᠠᠳᠠ ᠠᠴᠠ ᠪᠡᠭᠡᠵᠢᠩ ᠮᠦᠭᠳᠡᠨ ᠳᠤ ᠬᠦᠷᠬᠦ ᠠᠶᠠᠨᠴᠢᠳ ᠤᠨ ᠲᠡᠭᠡᠭᠡᠪᠦᠷᠢ ᠶᠢᠨ ᠲᠤᠰᠬᠠᠢ ᠲᠡᠮᠦᠷ ᠵᠠᠮ ᠤᠨ ᠬᠤᠯᠪᠣᠬᠤ ᠱᠣᠭᠤᠮ ᠢ ᠪᠠᠷᠢᠯᠭ᠎ᠠ | ᠡᠬᠢᠯᠡᠭᠦᠯᠦᠨ ᠪᠠᠶᠢᠭᠤᠯᠵᠤ᠂ 350 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠤᠯᠲᠠ ᠶᠢ ᠴᠢᠷᠮᠠᠶᠢᠨ ᠪᠡᠶᠡᠯᠡᠭᠦᠯᠵᠦ᠂ 1600ᠺᠢᠯᠣᠮᠧᠲᠷ ᠤᠷᠳᠤ ᠲᠡᠮᠦᠷ ᠵᠠᠮ ᠢ | ᠰᠢᠨ᠎ᠡ ᠪᠠᠷ ᠪᠠᠷᠢᠯᠭ᠎ᠠ ᠡᠬᠢᠯᠡᠭᠦᠯᠦᠨ᠎ᠡ᠃ ᠦᠪᠡᠷᠲᠡᠭᠡᠨ ᠵᠠᠰᠠᠬᠤ ᠣᠷᠣᠨ ᠤ ᠵᠡᠭᠦᠨ ᠪᠠᠷᠠᠭᠤᠨ ᠪᠡᠶ᠎ᠠ ᠶᠢᠨ ᠭᠠᠵᠠᠷ ᠣᠷᠣᠨ ᠢ ᠲᠤᠭᠤᠯᠤᠭᠰᠠᠨ ᠲᠡᠬᠡᠳᠤ ᠬᠤᠷᠳᠤ ᠶᠢᠨ | ᠲᠡᠮᠦᠷ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠨᠡᠪᠲᠡᠷᠡᠬᠦ ᠵᠠᠮ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠰᠦᠪᠡᠭᠴᠢᠯᠡᠵᠦ᠂ ᠮᠠᠨᠵᠤᠤᠷ ᠠᠴᠠ ᠬᠠᠶᠢᠯᠠᠷ᠂ | ᠮᠠᠨᠵᠦᠤᠷ ᠠᠴᠠ ᠤᠯᠠᠭᠠᠨᠬᠤᠳᠠ᠂ ᠮᠠᠨᠵᠤᠤᠷ ᠠᠴᠠ ᠳᠦᠡᠭᠯᠢᠶᠤᠤ᠂ ᠰᠢᠯᠢᠩᠬᠤᠳᠠ ᠠᠴᠠ ᠴᠢᠭᠤᠯᠤᠯᠳᠤ ᠬᠠᠭᠠᠯᠭ᠎ᠠ᠂ ᠬᠦᠬᠡᠬᠤᠳᠠ ᠠᠴᠠ ᠢᠷᠭᠠᠢ ᠳᠤ ᠬᠦᠷᠬᠦ ᠵᠡᠷᠭᠡ | ᠳᠡᠭᠡᠳᠦ ᠬᠤᠷᠳᠤ ᠶᠢᠨ ᠲᠡᠮᠦᠷ ᠵᠠᠮ ᠤᠨ ᠲᠦᠷᠦᠯ ᠵᠦᠢᠯ ᠤᠳ ᠢ ᠤᠯᠤᠰ ᠤᠨ ︽13 · 5︾ ᠶᠢᠨ ᠲᠡᠮᠦᠷ ᠵᠠᠮ ᠤᠨ ᠲᠣᠣᠷ ᠲᠦᠯᠦᠪᠵᠢᠭᠦᠯᠭᠡ ᠳᠤ ᠣᠷᠣᠭᠤᠯᠬᠤ ᠶᠢᠨ | ᠬᠠᠮᠳᠤ᠂ ᠡᠮᠦᠨᠡᠬᠢ ᠬᠤᠭᠤᠴᠠᠭᠠᠨ ᠤ ᠠᠵᠢᠯ ᠢ ᠪᠦᠬᠦᠨ ᠢ ᠡᠬᠢᠯᠡᠭᠦᠯᠦᠨ᠎ᠡ᠃ ᠬᠦᠬᠡᠬᠤᠲᠠ ᠶᠢᠨ ᠨᠢᠰᠭᠡᠯ ᠤᠨ ᠪᠠᠭᠤᠳᠠᠯ ᠤᠨ ᠨᠡᠭᠦᠯᠭᠡᠵᠦ ᠪᠠᠶᠢᠭᠤᠯᠬᠤ ᠡᠮᠦᠨᠡᠬᠢ | ᠬᠤᠭᠤᠴᠠᠭᠠᠨ ᠤ ᠠᠵᠢᠯ ᠢ ᠲᠦᠷᠭᠡᠳᠭᠡᠨ ᠠᠬᠢᠭᠤᠯᠵᠤ᠂ 3 ᠲᠡᠭᠡᠭᠡᠪᠦᠷᠢ ᠶᠢᠨ ᠨᠢᠰᠭᠡᠯ ᠤᠨ ᠪᠠᠭᠤᠳᠠᠯ ᠪᠣᠯᠣᠨ 8 ᠨᠡᠶᠢᠳᠡᠮ ᠬᠡᠷᠡᠭᠯᠡᠭᠡᠨ ᠤ ᠨᠢᠰᠭᠡᠯ ᠤᠨ ᠪᠠᠭᠤᠳᠠᠯ ᠢ | ᠪᠠᠶᠢᠭᠤᠯᠵᠤ ᠳᠠᠭᠤᠰᠬᠠᠨ᠂ ᠪᠦᠬᠦ ᠣᠷᠣᠨ ᠤ ᠠᠷᠠᠳ ᠤᠨ ᠬᠡᠷᠡᠭᠯᠡᠭᠡᠨ ᠤ ᠨᠢᠰᠭᠡᠯ ᠤᠨ ᠪᠠᠭᠤᠳᠠᠯ ᠤᠨ ᠶᠡᠷᠦᠩᠬᠡᠢ ᠲᠤᠭ᠎ᠠ ᠶᠢ 29 ᠳᠤ ᠬᠦᠷᠦᠭᠦᠯᠦᠨ᠎ᠡ᠃ ᠲᠣᠮᠣ | ᠬᠡᠯᠪᠡᠷᠢ ᠶᠢᠨ ᠤᠰᠤᠨ ᠠᠰᠢᠭᠯᠠᠯᠲᠠ ᠶᠢᠨ ᠪᠠᠷᠢᠯᠭ᠎ᠠ ᠪᠠᠷ ᠭᠤᠣᠯᠯᠠᠵᠤ᠂ ︽ᠰᠠᠯᠪᠤᠷᠢ ᠵᠢᠵᠢᠭ︾ ᠢᠶᠠᠷ ᠨᠢ ᠬᠠᠷᠢᠯᠴᠠᠨ ᠲᠦᠬᠦᠷᠵᠢᠭᠦᠯᠦᠭᠰᠡᠨ ᠤᠰᠤᠨ ᠤ | ᠲᠤᠯᠭᠠᠭᠤᠷᠢᠯᠠᠬᠤ ᠰᠢᠰᠲ᠋ᠧᠮᠵᠢ ᠶᠢ ᠲᠦᠷᠭᠡᠳᠭᠡᠨ ᠪᠠᠶᠢᠭᠤᠯᠵᠤ᠂ ᠤᠯᠤᠰ ᠤᠨ ᠲᠦᠯᠦᠪᠵᠢᠭᠦᠯᠭᠡ ᠳᠤ ᠣᠷᠤᠭᠤᠯᠤᠭᠰᠠᠨ 12 ᠵᠦᠢᠯ ᠤᠨ ᠴᠢᠬᠤᠯᠠ ᠶᠡᠭᠡ ᠤᠰᠤᠨ | ᠠᠰᠢᠭᠯᠠᠯᠲᠠ ᠶᠢᠨ ᠪᠠᠷᠢᠯᠭ᠎ᠠ ᠶᠢ ᠭᠤᠣᠯᠳᠠᠯᠭ᠎ᠠ ᠲᠠᠢ ᠠᠬᠢᠭᠤᠯᠤᠨ᠎ᠠ᠃ ᠬᠤᠲᠠ ᠪᠠᠯᠭᠠᠰᠤ ᠶᠢᠨ ᠭᠠᠵᠠᠷ ᠳᠣᠣᠷᠠᠬᠢ ᠬᠤᠭᠤᠯᠠᠢ ᠭᠤᠤᠷᠰᠦ ᠶᠢᠨ ᠲᠣᠣᠷ ᠢ ᠦᠭᠡᠷᠡᠴᠢᠯᠡᠨ | ᠰᠠᠶᠢᠵᠢᠷᠠᠭᠤᠯᠬᠤ ᠪᠠᠷ ᠭᠤᠣᠯᠳᠠᠯᠭ᠎ᠠ ᠪᠣᠯᠭᠠᠵᠤ᠂ ᠨᠢᠭᠡ ᠪᠦᠯᠦᠭ ᠬᠤᠳᠠ ᠶᠢᠨ ᠰᠠᠭᠤᠷᠢ ᠪᠡᠯᠡᠳᠭᠡᠮᠵᠢ ᠶᠢᠨ ᠲᠦᠷᠦᠯ ᠵᠦᠢᠯ ᠤᠳ ᠢ ᠲᠦᠷᠭᠡᠳᠭᠡᠨ ᠪᠠᠶᠢᠭᠤᠯᠵᠤ᠂ 700 | ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠤᠯᠲᠠ ᠶᠢ ᠴᠢᠷᠮᠠᠶᠢᠨ ᠪᠡᠶᠠᠯᠡᠭᠦᠯᠦᠨᠡ᠃ | ᠬᠡᠷᠡᠭᠯᠡᠭᠡ ᠶᠢᠨ ᠬᠡᠷᠡᠭᠴᠡᠭᠡ ᠱᠠᠭᠠᠷᠳᠠᠯᠭ᠎ᠠ ᠪᠠᠨ ᠪᠦᠲᠦᠮᠵᠢᠲᠡᠢ ᠦᠷᠭᠡᠳᠭᠡᠨ᠎ᠡ᠃ ᠰᠠᠭᠤᠭᠠᠯᠢ ᠠᠷᠠᠳ ᠤᠨ ᠬᠡᠷᠡᠭᠯᠡᠭᠡ ᠶᠢ ᠵᠣᠷᠢᠬᠵᠢᠭᠤᠯᠬᠤ ᠡᠳ᠋ ᠤᠨ | ᠵᠠᠰᠠᠭ ᠭᠠᠶᠢᠯᠢ᠂ ᠢᠲᠡᠭᠡᠮᠵᠢᠲᠦ ᠵᠢᠭᠡᠯᠡᠯᠭᠡ ᠪᠠ ᠢᠲᠡᠭᠡᠮᠵᠢᠲᠦ ᠬᠡᠷᠡᠭᠯᠡᠭᠡᠨ ᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠬᠤᠳᠠᠯᠳᠤᠭᠠᠨ ᠤ ᠶᠠᠪᠤᠳᠠᠯ ᠤᠨ | ᠬᠡᠷᠡᠭᠯᠡᠭᠡ ᠶᠢ ᠬᠦᠭᠵᠢᠭᠡᠨ᠂ ᠣᠷᠣᠨ ᠰᠠᠭᠤᠴᠠ ᠶᠢᠨ ᠬᠡᠷᠡᠭᠯᠡᠭᠡ ᠶᠢ ᠨᠡᠮᠡᠭᠳᠡᠬᠦᠯᠵᠦ᠂ ᠰᠤᠷᠭᠠᠨ ᠬᠦᠮᠦᠵᠢᠯ ᠰᠣᠶᠣᠯ ᠪᠡᠶ᠎ᠡ ᠶᠢᠨ ᠲᠠᠮᠢᠷ ᠤᠨ ᠬᠡᠷᠡᠭᠯᠡᠭᠡᠨ ᠢ | ᠳᠡᠭᠡᠭᠰᠢᠯᠡᠭᠦᠯᠦᠨ᠂ ᠵᠢᠭᠤᠯᠴᠢᠯᠠᠯ ᠵᠤᠭᠠᠴᠠᠯ ᠤᠨ ᠬᠡᠷᠡᠭᠯᠡᠭᠡ ᠶᠢ ᠳᠡᠰ ᠳᠡᠪᠰᠢᠭᠦᠯᠵᠦ᠂ ᠮᠡᠳᠡᠭᠡ ᠵᠠᠩᠭᠢ ᠶᠢᠨ ᠦᠢᠯᠡᠴᠢᠯᠡᠭᠡ ᠶᠢᠨ ᠬᠡᠷᠡᠭᠯᠡᠭᠡ ᠶᠢ ᠦᠷᠭᠡᠳᠭᠡᠨ᠂ ᠨᠠᠰᠤᠵᠢᠯ | ᠡᠷᠡᠭᠦᠯᠵᠡᠯ ᠭᠡᠷ ᠤᠨ ᠠᠳᠠᠯ ᠠᠬᠤᠢ ᠶᠢᠨ ᠦᠢᠯᠡᠴᠢᠯᠡᠭᠡ ᠶᠢᠨ ᠬᠡᠷᠡᠭᠯᠡᠭᠡᠨ ᠳᠤ ᠰᠡᠲᠦᠯᠲᠡ ᠦᠭᠴᠦ᠂ ᠣᠯᠠᠨ ᠲᠠᠯ᠎ᠠ ᠪᠠᠷ ᠲᠤᠯᠭᠠᠭᠤᠷᠢᠯᠠᠭᠰᠠᠨ ᠬᠡᠷᠡᠭᠯᠡᠭᠡ ᠶᠢᠨ | ᠨᠡᠮᠡᠭᠳᠡᠯ ᠤᠨ ᠲᠦᠯᠦᠪ ᠪᠠᠶᠢᠳᠠᠯ ᠢ ᠴᠤᠬᠴᠠᠯᠠᠨ ᠪᠠᠶᠢᠭᠤᠯᠤᠨ᠎ᠠ᠃ ᠦᠢᠯᠡᠳᠬᠦᠨ ᠤ ᠶᠠᠰᠦ ᠴᠢᠨᠠᠷ ᠤᠨ ᠠᠮᠤᠷ ᠲᠥᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ | ᠵᠠᠬ᠎ᠠ ᠳᠡᠯᠭᠡᠭᠦᠷ ᠤᠨ ᠡᠮᠬᠢ ᠲᠢᠭᠯᠢᠮ ᠢ ᠴᠡᠭᠴᠡᠯᠡᠨ ᠵᠢᠷᠤᠮᠵᠢᠭᠤᠯᠵᠤ᠂ ᠪᠠᠷᠠᠭᠠᠨ ᠤ ᠦᠨ᠎ᠡ ᠬᠠᠩᠰᠢ ᠶᠢᠨ ᠶᠡᠷᠦᠩᠬᠡᠢ ᠬᠢᠷᠢ ᠬᠡᠮᠵᠢᠶ᠎ᠡ ᠦᠨᠳᠦᠰᠦᠨ ᠳᠡᠭᠡᠨ ᠲᠤᠭᠲᠠᠭᠤᠨ | ᠪᠠᠶᠢᠬᠤ ᠶᠢ ᠪᠠᠲᠤᠯᠠᠵᠤ᠂ ᠲᠦᠭᠦᠮ ᠠᠮᠤᠷ ᠲᠦᠪᠰᠢᠨ ᠢᠲᠡᠭᠡᠮᠵᠢᠲᠡᠢ ᠬᠡᠷᠡᠭᠯᠡᠭᠡ ᠶᠢᠨ ᠣᠷᠴᠢᠨ ᠲᠣᠭᠤᠷᠢᠨ ᠢ ᠡᠭᠦᠳᠦᠨ ᠪᠠᠶᠢᠭᠤᠯᠤᠨ᠎ᠠ᠃ ᠭᠦᠢᠯᠭᠡᠭᠡᠨ ᠤ | ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠭᠥᠢᠯᠭᠡᠭᠡᠨ ᠤ ᠠᠷᠭ᠎ᠠ ᠮᠠᠶ᠋ᠢᠭ ᠪᠠ ᠭᠥᠢᠯᠭᠡᠭᠡᠨ ᠤ ᠡᠵᠡᠩᠨᠡᠯᠲᠡ ᠶᠢᠨ ᠪᠠᠶᠢᠳᠠᠯ ᠢ ᠰᠢᠨ᠎ᠡ ᠪᠠᠷ | ᠡᠭᠦᠳᠴᠦ᠂ ᠡᠯᠧᠺᠲᠷᠤᠨ ᠬᠤᠳᠠᠯᠳᠤᠭᠠᠨ ᠤ ᠶᠠᠪᠤᠳᠠᠯ ᠵᠡᠷᠬᠡ ᠬᠤᠳᠠᠯᠳᠤᠭᠠᠨ ᠤ ᠵᠠᠭᠪᠤᠷ ᠢ ᠶᠡᠬᠡᠪᠡᠷ ᠬᠦᠭᠵᠢᠭᠦᠯᠵᠦ᠂ ᠦᠪᠡᠷᠮᠢᠴᠡ ᠮᠦᠷᠳᠡᠬᠡᠨ ᠣᠯᠠᠨ ᠶᠠᠩᠵᠤ ᠶᠢᠨ | ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠳᠤ ᠲᠣᠬᠢᠷᠠᠯᠴᠠᠭᠤᠯᠤᠨ᠎ᠠ᠃ ᠵᠢᠭᠤᠯᠴᠢᠯᠠᠯ᠂ ᠰᠣᠶᠣᠯ ᠵᠡᠷᠭᠡ ᠲᠠᠢ ᠬᠤᠯᠪᠣᠭᠳᠠᠬᠤ ᠠᠵᠤ ᠦᠢᠯᠡᠰ ᠤᠨ ᠠᠭᠤᠰᠤᠯᠴᠠᠨ | ᠬᠦᠭᠵᠢᠬᠦ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠡᠨ ᠤ ᠵᠠᠬ᠎ᠠ ᠳᠡᠯᠭᠡᠭᠦᠷ ᠢ ᠶᠡᠬᠡᠪᠡᠷ ᠨᠡᠭᠡᠭᠡᠨ ᠡᠭᠦᠳᠴᠦ᠂ ᠬᠡᠷᠡᠭᠯᠡᠭᠡᠨ ᠤ ᠰᠢᠨ᠎ᠡ ᠨᠡᠮᠡᠭᠳᠡᠯ ᠤᠨ | ᠴᠡᠭ ᠢ ᠪᠤᠶᠢᠵᠢᠭᠤᠯᠤᠨ᠎ᠠ᠃ | ᠠᠵᠤ ᠠᠬᠤᠢ ᠶᠢᠨ ᠠᠵᠢᠯᠯᠠᠭᠠᠨ ᠢ ᠬᠦᠴᠦᠯᠡᠨ ᠲᠣᠭᠲᠠᠪᠤᠷᠢᠵᠢᠭᠤᠯᠤᠨ᠎ᠠ᠃ ᠠᠵᠤ ᠦᠢᠯᠡᠳᠪᠦᠷᠢ ᠶᠢᠨ ᠠᠵᠢᠯᠯᠠᠭᠠᠨ ᠪᠠ ᠠᠵᠤ ᠠᠬᠤᠶᠢᠯᠠᠯ ᠤᠨ | ᠦᠢᠯᠡᠳᠪᠦᠷᠢᠯᠡᠯ ᠡᠵᠡᠩᠨᠡᠯᠳᠡ ᠶᠢ ᠲᠣᠭᠲᠠᠪᠤᠷᠢᠵᠢᠭᠤᠯᠬᠤ ᠪᠠᠷ ᠭᠤᠣᠯᠳᠠᠯᠭ᠎ᠠ ᠪᠣᠯᠭᠠᠵᠤ᠂ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠪᠠᠨ ᠴᠢᠩᠭᠠᠳᠬᠠᠨ᠂ | ᠠᠵᠤ ᠠᠬᠤᠶᠢᠯᠠᠯ ᠢ ᠬᠠᠪᠰᠤᠷᠴᠤ ᠳᠠᠷᠤᠭᠠᠰᠤ ᠶᠢ ᠨᠢ ᠬᠦᠩᠭᠡᠷᠡᠭᠦᠯᠦᠨ᠂ ᠦᠷ᠎ᠡ ᠠᠰᠢᠭ ᠢ ᠨᠢ ᠨᠡᠮᠡᠭᠳᠡᠭᠦᠯᠦᠨ᠂ ᠠᠵᠤ ᠠᠬᠤᠢ ᠶᠢᠨ ᠨᠡᠮᠡᠭᠳᠡᠯ ᠤᠨ ᠰᠠᠭᠤᠷᠢ ᠶᠢ | ᠲᠣᠭᠲᠠᠪᠤᠷᠢᠵᠢᠭᠤᠯᠤᠨ᠎ᠠ᠃ ᠨᠡᠭᠦᠷᠡᠰᠦᠨ ᠤ ᠭᠠᠷᠤᠯᠲᠠ ᠶᠢ ᠬᠢᠵᠠᠭᠠᠷᠯᠠᠵᠤ ᠦᠨ᠎ᠡ ᠬᠠᠩᠰᠢ ᠶᠢ ᠲᠣᠭᠲᠠᠭᠤᠨ ᠪᠠᠶᠢᠯᠭᠠᠬᠤ ᠡᠷᠴᠢᠮ ᠢᠶᠠᠨ ᠤᠯᠠᠮ ᠨᠢᠭᠡ ᠠᠯᠬᠤᠮ | ᠴᠢᠩᠭᠠᠷᠠᠭᠤᠯᠵᠤ᠂ ᠴᠠᠬᠢᠯᠭᠠᠨ ᠭᠠᠷᠭᠠᠬᠤ ᠨᠡᠭᠦᠷᠡᠰᠦ ᠶᠢᠨ ᠤᠷᠳᠤ ᠬᠤᠭᠤᠴᠠᠭ᠎ᠠ ᠲᠠᠢ ᠲᠣᠭᠲᠠᠭᠤᠨ ᠢᠶᠠᠷ ᠬᠠᠩᠭᠠᠬᠤ ᠬᠤᠷᠰᠢᠯᠴᠠᠭᠠᠨ ᠤ ᠬᠡᠯᠡᠯᠴᠡᠭᠡᠷ ᠢ | ᠨᠠᠶᠢᠳᠠᠪᠤᠷᠢᠵᠢᠭᠤᠯᠤᠨ᠂ ᠨᠡᠭᠦᠷᠡᠰᠦᠨ ᠤ ᠭᠠᠷᠤᠯᠲᠠ ᠪᠠ ᠪᠣᠷᠤᠯᠠᠭᠤᠯᠬᠤ ᠣᠷᠣᠨ ᠪᠦᠰᠡ ᠶᠢᠨ ᠬᠤᠯᠪᠤᠭᠠᠯᠠᠨ ᠬᠦᠳᠡᠯᠦᠯᠴᠡᠬᠦ ᠲᠤᠭᠲᠠᠴᠠ ᠶᠢ ᠰᠦᠪᠡᠭᠴᠢᠯᠡᠨ ᠪᠠᠶᠢᠭᠤᠯᠵᠤ | ᠂ ᠨᠡᠭᠦᠷᠡᠰᠦᠨ ᠤ ᠠᠵᠢᠯ ᠲᠦᠷᠦᠯ ᠤᠨ ᠬᠢᠨ ᠤ ᠦᠷ᠎ᠡ ᠠᠰᠢᠭ ᠢ ᠳᠡᠭᠡᠭᠰᠢᠯᠡᠭᠦᠯᠦᠨ᠎ᠡ᠃ ᠴᠠᠬᠢᠯᠭᠠᠨ ᠬᠦᠴᠦᠨ ᠢ ᠶᠡᠷᠦᠩᠬᠡᠶᠢᠯᠡᠨ ᠲᠡᠳᠭᠦᠬᠦ ᠲᠥᠷᠥ ᠶᠢᠨ ᠪᠣᠳᠣᠯᠭ᠎ᠠ ᠶᠢᠨ | ᠬᠡᠷᠡᠭᠵᠢᠭᠦᠯᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ ᠪᠦᠲᠥᠮᠵᠢᠲᠡᠢ | ᠪᠠᠭᠤᠷᠠᠭᠤᠯᠤᠨ᠎ᠠ᠃ ᠠᠵᠤ ᠠᠬᠤᠶᠢᠯᠠᠯ ᠳᠤ ᠬᠤᠯᠪᠣᠭᠳᠠᠬᠤ ᠰᠦᠢᠳᠭᠡᠯ ᠬᠤᠷᠢᠶᠠᠬᠤ ᠭᠠᠷᠴᠠᠭ ᠤᠨ ᠨᠠᠷᠢᠨ ᠬᠠᠭᠤᠳᠠᠰᠤ ᠶᠢ ᠨᠡᠶᠢᠲᠡᠯᠡᠵᠦ᠂ ᠨᠠᠷᠢᠨ ᠬᠠᠭᠤᠳᠠᠰᠤ ᠠᠴᠠ | ᠭᠠᠳᠠᠭᠤᠷ ᠰᠦᠢᠳᠭᠡᠯ ᠬᠤᠷᠢᠶᠠᠬᠤ ᠵᠦᠢᠯ ᠦᠭᠡᠢ ᠪᠤᠯᠭᠠᠬᠤ ᠶᠢ ᠦᠨᠡᠨᠬᠦ ᠪᠡᠶᠡᠯᠡᠬᠦᠯᠦᠨ᠎ᠠ᠃ | ︵ᠬᠤᠶᠠᠷ︶ ᠠᠵᠤ ᠠᠬᠤᠢ ᠶᠢᠨ ᠪᠥᠲᠥᠴᠡ ᠶᠢ ᠬᠦᠴᠦᠯᠡᠨ ᠲᠤᠬᠢᠷᠠᠭᠤᠯᠤᠨ ᠰᠢᠯᠢᠳᠡᠭᠵᠢᠭᠦᠯᠵᠦ᠂ ᠠᠵᠤ ᠠᠬᠤᠢ ᠶᠢᠨ ᠬᠦᠭᠵᠢᠯᠲᠡ ᠶᠢᠨ ᠰᠢᠨ᠎ᠡ ᠠᠷᠭ᠎ᠠ | ᠮᠠᠶ᠋ᠢᠭ ᠢ ᠲᠦᠷᠭᠡᠳᠭᠡᠨ ᠬᠤᠪᠢᠷᠠᠭᠤᠯᠤᠨ᠎ᠠ | ᠠᠵᠤ ᠦᠢᠯᠡᠰ ᠤᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠶᠡᠬᠡᠪᠡᠷ ᠠᠬᠢᠭᠤᠯᠤᠨ᠎ᠠ᠃ ︽ᠲᠠᠪᠤᠨ ᠲᠤᠮᠤ ᠰᠠᠭᠤᠷᠢᠨ ᠭᠠᠵᠠᠷ | ︾ ᠤᠨ ᠪᠦᠲᠦᠭᠡᠨ ᠪᠠᠶᠢᠭᠤᠯᠤᠯᠲᠠ ᠪᠠᠷ ᠭᠤᠤᠯᠳᠠᠯᠭ᠎ᠠ ᠪᠤᠯᠭᠠᠨ᠂ ᠡᠬᠢ ᠪᠠᠶᠠᠯᠢᠭ ᠤᠨ ᠶᠡᠷᠦᠩᠭᠡᠶᠢᠯᠡᠨ ᠠᠰᠢᠭᠯᠠᠬᠤ ᠨᠣᠷᠮ᠎ᠠ ᠪᠠ ᠠᠵᠤ ᠦᠢᠯᠡᠰ ᠤᠨ ᠨᠠᠷᠢᠯᠢᠬ ᠭᠦᠨ | ᠪᠣᠯᠪᠠᠰᠤᠷᠠᠭᠤᠯᠬᠤ ᠬᠡᠮᠵᠢᠶ᠎ᠡ ᠶᠢ ᠳᠡᠭᠡᠭᠰᠢᠯᠡᠭᠦᠯᠬᠦ ᠪᠠᠷ ᠭᠤᠣᠯ ᠰᠢᠪᠳᠤᠯᠤᠯᠲᠠ ᠶᠢᠨ ᠴᠢᠭᠯᠡᠯ ᠪᠣᠯᠭᠠᠵᠤ᠂ ᠤᠯᠠᠨ ᠡᠰᠢᠵᠢᠯ ᠲᠠᠢ ᠬᠦᠭᠵᠢᠬᠦ ᠣᠳᠣ ᠦᠶ᠎ᠡ ᠶᠢᠨ ᠠᠵᠤ | ᠦᠢᠯᠡᠰ ᠤᠨ ᠰᠢᠰᠲ᠋ᠧᠮᠵᠢ ᠶᠢ ᠪᠠᠶᠢᠭᠤᠯᠤᠨ᠎ᠠ᠃ ᠤᠯᠠᠮᠵᠢᠯᠠᠯᠲᠤ ᠠᠵᠤ ᠦᠢᠯᠡᠰ ᠤᠨ ᠰᠢᠨ᠎ᠡ ᠬᠡᠯᠪᠡᠷᠢᠵᠢᠯ ᠢ ᠲᠦᠷᠭᠡᠳᠭᠡᠨ᠂ ᠨᠡᠭᠦᠷᠡᠰᠦ ᠦᠢᠯᠡᠳᠪᠦᠷᠢᠯᠡᠬᠦ ᠠᠵᠤ | ᠠᠬᠤᠶᠢᠯᠠᠯ ᠬᠢᠭᠡᠳ ᠲᠤᠤᠷ᠎ᠠ ᠬᠡᠯᠬᠢᠶᠡᠨ ᠤ ᠤᠨᠳᠤᠤᠰᠢᠭᠤᠯᠬᠤ ᠠᠵᠤ ᠠᠬᠤᠶᠢᠯᠠᠯ ᠲᠠᠢ ᠭᠦᠨᠵᠡᠭᠡᠢ ᠬᠠᠮᠵᠢᠯᠴᠠᠬᠤ᠂ ᠪᠠᠶᠢᠯᠳᠤᠬᠤ ᠪᠣᠳᠣᠯᠭ᠎ᠠ ᠪᠠᠷ ᠳᠠᠬᠢᠨ ᠵᠣᠬᠢᠶᠠᠨ | ᠪᠠᠶᠢᠭᠤᠯᠬᠤ ᠶᠢ ᠠᠬᠢᠭᠤᠯᠤᠨ᠂ ᠨᠡᠭᠦᠷᠡᠰᠦ ᠴᠠᠬᠢᠯᠭᠠᠨ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠬᠤᠯᠪᠣᠭᠠᠯᠠᠨ ᠬᠦᠭᠵᠢᠬᠦ ᠶᠢ ᠬᠡᠷᠡᠭᠵᠢᠭᠦᠯᠦᠨ᠂ ᠨᠠᠭᠦᠷᠡᠰᠦ ᠶᠢ | ᠲᠣᠬᠠᠢ ᠶᠢᠨ ᠭᠠᠵᠠᠷ ᠲᠤᠨᠢ ᠪᠣᠯᠪᠠᠰᠤᠷᠠᠭᠤᠯᠤᠨ ᠤᠨᠳᠤᠤᠰᠢᠭᠤᠯᠬᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠎ᠡ᠃ ᠨᠡᠭᠦᠷᠡᠰᠦ ᠴᠠᠬᠢᠯᠭᠠᠨ ᠲᠡᠮᠦᠷᠯᠢᠭ᠂ ᠨᠡᠭᠦᠷᠡᠰᠦ | ᠴᠠᠬᠢᠯᠭᠠᠨ ᠬᠢᠮᠢ᠂ ᠨᠡᠭᠦᠷᠡᠰᠦ ᠴᠠᠬᠢᠯᠭᠠᠨ ᠴᠠᠬᠢᠭᠤᠷ ᠵᠡᠷᠭᠡ ᠣᠨᠴᠠᠯᠢᠭᠳᠤ ᠠᠵᠤ ᠦᠢᠯᠡᠰ ᠤᠨ ᠬᠡᠯᠬᠢᠶ᠎ᠡ ᠶᠢᠨ ᠬᠡᠪᠴᠢᠶ᠎ᠡ ᠶᠢ ᠦᠷᠭᠡᠳᠭᠡᠨ᠂ ᠥᠪᠡᠷ ᠤᠨ ᠥᠷᠲᠡᠭ ᠤᠨ | ᠬᠢᠨᠢ ᠥᠷᠢᠰᠥᠯᠳᠥᠭᠡᠨ ᠤ ᠰᠢᠨ᠎ᠡ ᠳᠠᠪᠠᠭᠤᠯᠢᠭ ᠢ ᠪᠣᠢ ᠪᠣᠯᠭᠠᠨ᠎ᠠ᠃ ᠪᠣᠯᠣᠳ ᠲᠡᠮᠦᠷ᠂ ᠥᠩᠭᠡᠲᠦ ᠲᠡᠮᠦᠷᠯᠢᠭ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠭᠦᠨ ᠡᠳ᠋ᠰᠢᠭᠦᠯᠬᠦ ᠵᠡᠷᠭᠡ ᠠᠵᠤ ᠦᠢᠯᠡᠰ ᠤᠨ ᠬᠡᠯᠬᠢᠶ᠎ᠡ ᠪᠠᠨ ᠤᠷᠳᠤᠳᠬᠠᠨ ᠳᠡᠰ ᠳᠡᠪᠰᠢᠬᠦ ᠶᠢ ᠠᠬᠢᠭᠤᠯᠵᠤ᠂ ᠬᠤᠪᠤᠷ ᠰᠢᠷᠦ᠋ᠢᠳᠤ ᠪᠣᠯᠣᠳ᠂ ᠬᠦᠩᠭᠡᠨ | ᠴᠠᠭᠠᠨ ᠤ ᠰᠡᠭᠦᠯᠴᠢ ᠶᠢᠨ ᠡᠳ᠋ᠰᠢᠭᠦᠯᠦᠯ᠂ ᠪᠣᠬᠢᠷᠳᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠥᠳᠦᠭᠡᠭᠳᠡᠬᠦᠨ ᠵᠡᠷᠭᠡ ᠳᠤᠮᠳᠠ ᠳᠡᠭᠡᠲᠤ ᠳᠡᠰ ᠤᠨ | ᠦᠢᠯᠡᠳᠬᠦᠨ ᠢ ᠲᠦᠷᠭᠡᠳᠭᠡᠨ ᠬᠥᠭᠵᠢᠭᠦᠯᠦᠨ᠎ᠡ᠃ ᠰᠢᠨ᠎ᠡ ᠪᠠᠷ ᠪᠣᠢ ᠪᠣᠯᠣᠭᠰᠠᠨ ᠠᠵᠤ ᠦᠢᠯᠡᠰ ᠤᠨ ᠬᠡᠪᠴᠢᠶᠡᠵᠢᠯ ᠢ ᠠᠬᠢᠭᠤᠯᠤᠨ᠂ ᠣᠳᠣ ᠦᠶ᠎ᠡ ᠶᠢᠨ ᠨᠡᠭᠦᠷᠡᠰᠦ | ᠬᠢᠮᠢ ᠶᠢᠨ ᠠᠵᠤ ᠦᠢᠯᠡᠳᠪᠦᠷᠢ ᠶᠢ ᠪᠣᠵᠠᠭᠠᠶᠢᠷᠠᠭᠤᠯᠵᠤ᠂ ᠨᠡᠭᠦᠷᠡᠰᠦ ᠪᠠᠷ ᠠᠯᠺᠧᠨ ᠦᠢᠯᠡᠳᠪᠦᠷᠢᠯᠡᠬᠦ 220 ᠲᠦᠮᠡᠨ ᠲᠤᠨ᠂ ᠨᠡᠭᠦᠷᠡᠰᠦ ᠶᠢ ᠬᠡᠢ ᠪᠣᠯᠭᠠᠬᠤ 280 | ᠳ᠋ᠦᠩᠰᠢᠭᠤᠷ ᠪᠣᠰᠤᠭ᠎ᠠ ᠲᠦᠷᠪᠡᠯᠵᠢᠨ ᠮᠧᠲᠷ᠂ ᠨᠡᠭᠦᠷᠡᠰᠦ ᠪᠠᠷ ᠲᠣᠰᠣ ᠦᠢᠯᠡᠳᠪᠦᠷᠢᠯᠡᠬᠦ 416 ᠲᠦᠮᠡᠨ ᠲᠤᠨ ᠤ ᠪᠠᠷᠢᠯᠭ᠎ᠠ ᠶᠢ ᠰᠢᠨ᠎ᠡ ᠪᠠᠷ ᠡᠬᠢᠯᠡᠭᠦᠯᠬᠦ ᠪᠠᠷ | ᠴᠢᠷᠮᠠᠶᠢᠨ᠎ᠠ᠃ ᠡᠭᠦᠯᠡᠨ ᠪᠣᠳᠣᠯᠲᠠ ᠪᠠᠷ ᠭᠤᠣᠯᠳᠠᠯᠭ᠎ᠠ ᠪᠣᠯᠭᠠᠭᠰᠠᠨ ᠮᠡᠳᠡᠭᠡ ᠵᠠᠩᠭᠢᠵᠢᠭᠤᠯᠬᠤ ᠰᠠᠭᠤᠷᠢ ᠪᠡᠯᠡᠳᠬᠡᠮᠵᠢ ᠪᠤᠯᠤᠨ ᠥᠢᠯᠡᠴᠢᠯᠡᠭᠡ ᠶᠢᠨ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠨ᠂ ︽ᠬᠤᠶᠠᠷᠵᠢᠭᠤᠯᠬᠤ︾ ᠶᠢᠨ ᠠᠭᠤᠰᠤᠯᠴᠠᠬᠤ ᠰᠠᠭᠤᠷᠢ ᠶᠢ ᠪᠠᠳᠤᠳᠬᠠᠨ᠎ᠠ᠃ ᠲᠡᠷᠢᠭᠦᠨ ᠤ ᠲᠣᠨᠤᠭ ᠲᠥᠬᠦᠭᠡᠷᠦᠮᠵᠢ ᠦᠢᠯᠡᠳᠬᠦ᠂ | ᠬᠤᠪᠤᠷ ᠰᠢᠷᠤᠢ ᠶᠢᠨ ᠰᠢᠨ᠎ᠡ ᠮᠠᠲ᠋ᠤᠷᠢᠶᠠᠯ᠂ ᠴᠡᠪᠡᠷ ᠡᠨᠧᠷᠭᠢ ᠵᠡᠷᠭᠡ ᠠᠵᠤ ᠦᠢᠯᠡᠰ ᠢ ᠲᠦᠷᠭᠡᠳᠭᠡᠨ ᠬᠦᠭᠵᠢᠭᠦᠯᠵᠦ᠂ ᠭᠤᠣᠯᠳᠠᠯᠭ᠎ᠠ ᠲᠠᠢ ᠠᠵᠤ ᠦᠢᠯᠡᠰ ᠤᠨ | ᠬᠦᠷᠢᠶᠡᠯᠡᠩ ᠲᠣᠭᠤᠷᠢᠭ ᠲᠤ ᠲᠦᠰᠢᠭᠯᠡᠨ ᠳᠤᠮᠳᠠ ᠵᠢᠵᠢᠭ ᠠᠵᠤ ᠠᠬᠤᠶᠢᠯᠠᠯ ᠢ ᠪᠤᠶᠢᠵᠢᠭᠤᠯᠤᠨ ᠬᠦᠭᠵᠢᠭᠦᠯᠵᠦ᠂ ᠲᠦᠬᠦᠷᠵᠢᠭᠰᠡᠨ᠂ ᠤᠷᠳᠤᠳᠬᠠᠬᠵᠢᠭᠰᠠᠨ ᠪᠠ | ᠬᠡᠷᠡᠭᠯᠡᠭᠡᠨ ᠤ ᠦᠢᠯᠡᠴᠢᠯᠡᠭᠡ ᠶᠢ ᠠᠬᠢᠭᠤᠯᠤᠨ᠂ ᠠᠵᠤ ᠦᠢᠯᠡᠰ ᠤᠨ ᠪᠦᠭᠡᠮᠨᠡᠷᠡᠨ ᠬᠥᠭᠵᠢᠬᠦ ᠰᠢᠨ᠎ᠡ ᠪᠠᠶᠢᠳᠠᠯ ᠢ ᠪᠣᠢ ᠪᠣᠯᠭᠠᠨ᠎ᠠ᠃ ᠲᠤᠯᠭᠠᠭᠤᠷᠢ ᠠᠵᠤ ᠦᠢᠯᠡᠰ ᠤᠨ | ᠣᠯᠠᠨ ᠡᠰᠢᠵᠢᠯ ᠢ ᠠᠬᠢᠭᠤᠯᠵᠤ᠂ ᠰᠢᠨ᠎ᠡ ᠦᠢᠯᠡᠳᠬᠦᠨ᠂ ᠰᠢᠨ᠎ᠡ ᠡᠵᠡᠩᠨᠡᠯᠲᠡ ᠶᠢᠨ ᠪᠠᠶᠢᠳᠠᠯ ᠢ ᠶᠡᠬᠡᠪᠡᠷ ᠬᠦᠭᠵᠢᠬᠦᠯᠵᠦ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ | ᠬᠠᠮᠠᠭᠠᠯᠠᠬᠤ ᠵᠡᠷᠭᠡ ᠰᠢᠨ᠎ᠡ ᠪᠠᠷ ᠬᠦᠭᠵᠢᠭᠰᠡᠨ ᠠᠵᠤ ᠦᠢᠯᠡᠰ ᠤᠨ ᠪᠣᠵᠠᠭᠠᠶᠢᠷᠠᠨ ᠬᠦᠴᠦᠷᠭᠡᠭᠵᠢᠭᠦ ᠶᠢ ᠢᠳᠡᠪᠬᠢᠳᠠᠢ ᠳᠡᠳᠬᠦᠨ᠂ ᠰᠢᠨ᠎ᠡ ᠨᠡᠮᠡᠭᠳᠡᠯ ᠤᠨ ᠴᠡᠭ ᠢ | ᠪᠤᠶᠢᠵᠢᠭᠤᠯᠤᠨ᠎ᠠ᠃ | ᠣᠳᠣ ᠦᠶ᠎ᠡ ᠶᠢᠨ ᠦᠢᠯᠡᠴᠢᠯᠡᠭᠡ ᠶᠢᠨ ᠦᠢᠯᠡᠰ ᠢ ᠬᠦᠭᠵᠢᠭᠦᠯᠦᠨ ᠪᠣᠵᠠᠭᠠᠶᠢᠷᠠᠭᠤᠯᠤᠨ᠎ᠠ᠃ ᠶᠡᠷᠦᠩᠬᠡᠢ ᠬᠡᠯᠳᠡᠰ ᠤᠨ ᠰᠠᠭᠤᠷᠢᠨ ᠭᠠᠵᠠᠷ᠂ ᠪᠠᠷᠠᠭᠠᠨ ᠤ | ᠭᠦᠢᠯᠭᠡᠭᠡᠨ ᠤ ᠬᠦᠷᠢᠶᠡᠯᠡᠩ ᠲᠣᠭᠤᠷᠢᠭ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠠᠳᠠᠯ ᠦᠢᠯᠡᠰ ᠴᠤᠭᠴᠠᠯᠠᠬᠤ ᠬᠦᠷᠢᠶᠡᠯᠡᠩ | ᠲᠣᠭᠤᠷᠢᠭ ᠵᠡᠷᠭᠡ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠦ᠂ ᠨᠢᠭᠡ ᠪᠦᠯᠦᠭ ᠬᠡᠪᠴᠢᠶ᠎ᠡ ᠪᠠᠷ ᠨᠡᠯᠢᠶᠡᠳ ᠶᠡᠭᠡ᠂ ᠨᠦᠯᠦᠭᠡᠯᠡᠨ | ᠳᠠᠶᠢᠴᠢᠯᠠᠬᠤ ᠦᠢᠯᠡᠳᠦᠯ ᠢᠶᠠᠷ ᠨᠡᠯᠢᠶᠡᠳ ᠴᠢᠩᠭ᠎ᠠ ᠪᠣᠯᠬᠤ ᠦᠢᠯᠡᠴᠢᠯᠡᠭᠡ ᠶᠢᠨ ᠦᠢᠯᠡᠰ ᠴᠤᠭᠯᠠᠷᠠᠭᠰᠠᠨ ᠲᠤᠭᠤᠷᠢᠭ ᠢ ᠪᠣᠢ ᠪᠣᠯᠭᠠᠨ᠎ᠠ᠃ ᠦᠢᠯᠡᠴᠢᠯᠡᠭᠡ ᠶᠢᠨ | ᠦᠢᠯᠡᠰ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠨᠡᠶᠢᠬᠡᠮ ᠤᠨ ᠬᠢᠨ ᠤ ᠬᠦᠷᠦᠩᠬᠡ ᠮᠦᠡᠭᠬᠦ ᠶᠢ ᠬᠦᠳᠦᠯᠦᠨ ᠵᠢᠯᠤᠭᠤᠳᠴᠤ ᠪᠠᠶᠢᠭᠠᠳ ᠭᠤᠤᠯᠳᠠᠯᠭ᠎ᠠ ᠲᠠᠢ | ᠬᠦᠷᠢᠶᠡᠨ ᠳᠤ ᠤᠷᠤᠭᠤᠯᠵᠦ᠂ ᠵᠠᠰᠠᠭ ᠤᠨ ᠣᠷᠳᠣᠨ ᠤ ᠬᠢᠨ ᠨᠡᠶᠢᠭᠡᠮ ᠠᠴᠠ ᠤᠯᠠᠨ ᠨᠡᠶᠢᠲᠡ ᠶᠢᠨ ᠦᠢᠯᠡᠴᠢᠯᠡᠭᠡ ᠬᠤᠳᠠᠯᠳᠤᠨ ᠠᠪᠬᠤ ᠬᠦᠷᠢᠶ᠎ᠠ ᠬᠡᠪᠴᠢᠶ᠎ᠡ ᠪᠠᠨ | ᠦᠷᠭᠡᠳᠭᠡᠨ᠎ᠠ᠂ ᠬᠦᠬᠡᠬᠤᠲᠠ ᠳᠠᠬᠢ ᠤᠯᠤᠰ ᠤᠨ ᠦᠢᠯᠡᠴᠢᠯᠡᠭᠡ ᠶᠢᠨ ᠦᠢᠯᠡᠰ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠢᠬ ᠢ ᠦᠷᠭᠦᠯᠵᠢᠯᠡᠨ | ᠰᠠᠶᠢᠳᠤᠷ ᠠᠳᠬᠤᠵᠤ᠂ ᠥᠪᠡᠷᠳᠡᠭᠡᠨ ᠵᠠᠰᠠᠬᠤ ᠣᠷᠣᠨ ᠤ ᠥᠢᠯᠡᠴᠢᠯᠡᠭᠡ ᠶᠢᠨ ᠦᠢᠯᠡᠰ ᠲᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠲᠤᠷᠰᠢᠯᠲᠠ ᠶᠢᠨ ᠴᠢᠬ ᠢ | ᠡᠬᠢᠯᠡᠭᠦᠯᠦᠨ᠎ᠡ᠃ ᠷᠠᠰᠢᠶᠠᠨ ᠳᠠᠬᠢ ᠤᠯᠤᠰ ᠤᠨ ᠵᠢᠭᠤᠯᠴᠢᠯᠠᠯ ᠢᠶᠠᠷ ᠶᠠᠳᠠᠭᠤ ᠶᠢ ᠳᠡᠳᠬᠦᠬᠦ ᠲᠤᠷᠰᠢᠯᠲᠠ ᠶᠢᠨ ᠣᠷᠣᠨ ᠪᠠ ᠠᠮᠢ ᠠᠬᠤᠢ ᠶᠢᠨ ᠵᠢᠭᠤᠯᠴᠢᠯᠠᠯ ᠤᠨ ᠵᠢᠱᠢᠶ᠎ᠡ | ᠥᠵᠡᠭᠦᠯᠬᠦ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠵᠢᠭᠤᠯᠴᠢᠯᠠᠯ ᠤᠨ ᠦᠢᠯᠡᠰ ᠤᠨ ᠬᠦᠭᠵᠢᠯᠳᠡ ᠶᠢ ᠠᠬᠢᠭᠤᠯᠬᠤ ᠳᠦᠷᠦ ᠶᠢᠨ | ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠵᠢᠭᠤᠯᠴᠢᠯᠠᠯ ᠤᠨ ᠦᠢᠯᠡᠰ ᠤᠨ ᠬᠦᠭᠵᠢᠯᠳᠡ ᠶᠢᠨ ᠬᠢᠷᠢ ᠳᠦᠪᠰᠢᠨ ᠢ ᠪᠦᠬᠦ ᠳᠠᠯ᠎ᠠ ᠪᠠᠷ | ᠳᠡᠭᠡᠭᠰᠢᠯᠡᠬᠦᠯᠦᠨ᠎ᠡ᠃ ᠦᠢᠯᠡᠴᠢᠯᠡᠭᠡ ᠶᠢᠨ ᠦᠢᠯᠡᠰ ᠤᠨ ᠭᠠᠳᠠᠬᠰᠢ ᠪᠠᠨ ᠨᠡᠭᠡᠭᠡᠯᠳᠡ ᠲᠠᠢ ᠪᠠᠶᠢᠬᠤ ᠪᠠᠶᠢᠳᠠᠯ ᠢ ᠦᠷᠭᠡᠳᠭᠡᠨ᠂ ᠬᠦᠷᠰᠢ ᠵᠡᠷᠬᠡᠯᠡᠳᠡᠭᠡ ᠮᠣᠵᠢ ᠣᠷᠣᠨ | ᠬᠤᠳᠠ ᠵᠢᠴᠢ ᠣᠷᠣᠰ ᠮᠣᠩᠭᠤᠯ ᠵᠡᠷᠭᠡ ᠤᠯᠤᠰ ᠲᠠᠢ ᠠᠷᠠᠯᠵᠢᠶ᠎ᠠ ᠬᠤᠳᠠᠯᠳᠤᠭ᠎ᠠ᠂ ᠪᠠᠷᠠᠭᠠᠨ ᠤ ᠭᠦᠢᠯᠭᠡᠭᠡ᠂ ᠵᠢᠭᠤᠯᠴᠢᠯᠠᠯ᠂ ᠰᠣᠶᠣᠯ᠂ ᠰᠢᠨᠵᠢᠯᠡᠬᠦ ᠤᠬᠠᠭᠠᠨ ᠮᠡᠷᠭᠡᠵᠢᠯ | ᠵᠡᠷᠭᠡ ᠬᠦᠷᠢᠶᠡᠨ ᠳᠠᠬᠢ ᠬᠠᠮᠵᠢᠯᠴᠠᠭ᠎ᠠ ᠪᠠᠨ ᠴᠢᠩᠭᠠᠳᠬᠠᠨ᠎ᠠ᠃ | ᠰᠢᠨ᠎ᠡ ᠶᠢ ᠡᠭᠦᠳᠬᠦ ᠴᠢᠳᠠᠪᠤᠷᠢ ᠶᠢᠨ ᠪᠦᠳᠦᠭᠡᠨ ᠪᠠᠶᠢᠭᠤᠯᠤᠯᠲᠠ ᠪᠠᠨ ᠦᠨᠡᠨᠬᠦ ᠴᠢᠩᠭᠠᠳᠬᠠᠨ᠎ᠠ᠃ ᠰᠢᠨ᠎ᠡ ᠶᠢ ᠡᠭᠦᠳᠬᠦ ᠮᠠᠶ᠋ᠢᠭ ᠤᠨ ᠥᠪᠦᠷ | ᠮᠣᠩᠭᠤᠯ ᠤᠨ ᠪᠦᠳᠦᠭᠡᠨ ᠪᠠᠶᠢᠭᠤᠯᠤᠯᠲᠠ ᠶᠢ ᠳᠦᠷᠬᠡᠳᠬᠡᠨ᠂ ᠠᠵᠤ ᠠᠬᠤᠢ ᠶᠢᠨ ᠨᠡᠮᠡᠭᠳᠡᠯ ᠢ ᠪᠡᠯᠡ ᠣᠷᠤᠭᠤᠯᠤᠯᠲᠠ ᠪᠠ ᠬᠦᠴᠦᠨ ᠵᠦᠢᠯ ᠢᠶᠠᠷ ᠬᠦᠳᠡᠯᠭᠡᠭᠦᠷ ᠪᠣᠯᠭᠠᠵᠤ | ᠪᠠᠶᠢᠭᠰᠠᠨ ᠠᠴᠠ ᠪᠠᠨ ᠰᠢᠨ᠎ᠠ ᠶᠢ ᠡᠬᠦᠳᠬᠦ ᠪᠠᠷ ᠬᠦᠳᠡᠯᠬᠡᠬᠦᠷ ᠪᠤᠯᠭᠠᠬᠤ ᠲᠡᠰᠢ ᠬᠤᠪᠢᠷᠠᠭᠤᠯᠬᠤ ᠶᠢ ᠠᠬᠢᠭᠤᠯᠤᠨ᠎ᠠ᠃ ᠲᠥᠷᠥ ᠶᠢᠨ ᠪᠣᠳᠣᠯᠭ᠎ᠠ ᠪᠠᠷ ᠲᠠᠮᠵᠢᠨ ᠲᠡᠳᠬᠦᠬᠦ | ᠪᠠ ᠬᠦᠳᠦᠯᠦᠨ ᠵᠢᠯᠤᠭᠤᠳᠬᠤ ᠪᠠᠨ ᠴᠢᠩᠭᠠᠳᠬᠠᠵᠤ᠂ ᠠᠵᠤ ᠠᠬᠤᠶᠢᠯᠠᠯ ᠤᠳ ᠤᠨ ᠰᠢᠨᠵᠢᠯᠡᠬᠦ ᠤᠬᠠᠭᠠᠨ ᠮᠡᠷᠭᠡᠵᠢᠯ ᠢᠶᠠᠷ ᠰᠢᠨ᠎ᠡ ᠶᠢ ᠡᠭᠦᠳᠬᠦ ᠶᠢᠨ ᠭᠤᠣᠯ | ᠴᠣᠭᠴᠠ ᠶᠢᠨ ᠦᠢᠯᠡᠳᠦᠯ ᠢ ᠪᠠᠳᠠᠷᠠᠭᠤᠯᠤᠨ᠂ ᠨᠢᠭᠡ ᠪᠦᠯᠦᠭ ᠭᠤᠣᠯᠯᠠᠬᠤ ᠮᠡᠷᠭᠡᠵᠢᠯ ᠢ ᠡᠵᠡᠮᠰᠢᠭᠰᠡᠨ᠂ ᠠᠵᠢᠯ ᠲᠦᠷᠦᠯ ᠤᠨ ᠬᠦᠭᠵᠢᠯᠲᠡ ᠶᠢ ᠬᠦᠲᠦᠯᠬᠦ ᠰᠢᠨ᠎ᠡ ᠶᠢ | ᠡᠭᠦᠳᠬᠦ ᠮᠠᠶ᠋ᠢᠭ ᠤᠨ ᠲᠣᠮᠣ ᠠᠵᠤ ᠠᠬᠤᠶᠢᠯᠠᠯ ᠤᠳ ᠢ ᠪᠠᠶᠢᠭᠤᠯᠵᠤ᠂ ᠨᠢᠭᠡ ᠪᠦᠯᠦᠭ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠦᠮᠴᠢᠯᠡᠬᠦ ᠡᠷᠬᠡ ᠲᠠᠢ ᠳᠤᠮᠳᠠ ᠵᠢᠵᠢᠭ | ᠬᠡᠯᠪᠡᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠤᠨ᠎ᠠ᠃ ᠮᠡᠷᠭᠡᠵᠢᠯ ᠤᠨ ᠰᠢᠨ᠎ᠡ ᠡᠭᠦᠳᠦᠯᠲᠡ ᠶᠢ ᠶᠡᠬᠡᠪᠡᠷ ᠠᠬᠢᠭᠤᠯᠵᠤ᠂ ᠴᠢᠬᠤᠯᠠ | ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠣᠰᠬᠠᠢ ᠵᠦᠢᠯᠡᠰ ᠢ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠴᠡᠪᠡᠷ ᠡᠨᠧᠷᠭᠢ᠂ ᠣᠳᠣ ᠦᠶ᠎ᠡ ᠶᠢᠨ ᠨᠡᠭᠦᠷᠡᠰᠦᠨ ᠤ | ᠬᠢᠮᠢ ᠶᠢᠨ ᠠᠵᠤ ᠦᠢᠯᠡᠳᠪᠦᠷᠢ᠂ ᠡᠨᠧᠷᠬᠢ ᠠᠷᠪᠢᠯᠠᠵᠤ ᠤᠷᠴᠢᠨ ᠲᠣᠭᠤᠷᠢᠨ ᠢ ᠬᠠᠮᠠᠭᠠᠯᠠᠬᠤ᠂ ᠠᠮᠢᠳᠤ ᠪᠣᠳᠤᠰ ᠤᠨ ᠢᠨᠵᠧᠨᠧᠷᠢᠩ ᠵᠡᠷᠭᠡ ᠭᠤᠣᠯᠳᠠᠯᠭ᠎ᠠ ᠲᠠᠢ ᠠᠵᠤ | ᠦᠢᠯᠡᠰ ᠤᠨ ᠬᠦᠷᠢᠶᠡᠨ ᠳᠠᠬᠢ ᠵᠠᠩᠬᠢᠯᠠᠭ᠎ᠠ ᠶᠢᠨ ᠨᠡᠶᠢᠳᠡᠮ ᠤᠨ ᠴᠢᠨᠠᠷᠲᠠᠢ ᠮᠡᠷᠭᠡᠵᠢᠯ ᠤᠨ ᠪᠣᠭᠤᠮᠲᠠ ᠰᠢᠪᠲᠤᠯᠬᠤ ᠶᠢ ᠠᠬᠢᠭᠤᠯᠵᠤ᠂ ᠭᠤᠣᠯ ᠦᠷᠢᠰᠦᠯᠳᠦᠬᠦ | ᠬᠦᠴᠦᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠰᠠᠭᠤᠷᠢ ᠰᠤᠳᠤᠯᠭᠠᠨ ᠢ ᠴᠢᠬᠤᠯᠠᠴᠢᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢ ᠪᠡᠯᠡᠳᠭᠡᠮᠵᠢ᠂ | ᠰᠢᠨ᠎ᠡ ᠶᠢ ᠡᠭᠦᠳᠬᠦ ᠲᠠᠪᠴᠠᠩ ᠪᠠ ᠠᠴᠢᠶᠠᠯᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠪᠡᠶ᠎ᠡ ᠪᠠᠨ ᠳᠠᠭᠠᠭᠠᠵᠣ ᠰᠢᠨ᠎ᠡ ᠶᠢ | ᠡᠭᠦᠳᠬᠦ ᠵᠢᠱᠢᠶ᠎ᠡ ᠦᠵᠡᠭᠦᠯᠬᠦ ᠲᠤᠭᠤᠷᠢᠭ ᠤᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠡᠬᠢᠯᠡᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ | ᠬᠠᠮᠢᠶᠠᠷᠤᠯᠲᠠ ᠶᠢᠨ ᠪᠠᠶᠢᠭᠤᠯᠤᠯ ᠢᠶᠠᠨ ᠦᠭᠡᠷᠡᠴᠢᠯᠡᠵᠤ᠂ ᠰᠢᠨᠵᠢᠯᠡᠬᠦ ᠤᠬᠠᠭᠠᠨ ᠮᠡᠷᠭᠡᠵᠢᠯ ᠬᠢᠭᠡᠳ ᠠᠵᠤ ᠠᠬᠤᠢ ᠶᠢᠨ ᠤᠶᠠᠯᠳᠤᠯ ᠢ ᠠᠬᠢᠭᠤᠯᠵᠤ᠂ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠳᠦᠭᠡᠯ ᠢᠶᠠᠨ ᠬᠤᠪᠢᠷᠠᠭᠤᠯᠬᠤ ᠶᠢ ᠠᠬᠢᠭᠤᠯᠤᠨ᠎ᠠ᠃ ᠮᠡᠳᠡᠯᠭᠡ ᠶᠢᠨ ᠦᠮᠴᠢᠯᠡᠬᠦ ᠡᠷᠬᠡ ᠶᠢᠨ ᠬᠠᠮᠠᠭᠠᠯᠠᠯᠲᠠ ᠪᠠᠨ ᠴᠢᠩᠭᠠᠳᠬᠠᠨ᠂ | ᠡᠷᠬᠡ ᠳᠤ ᠬᠠᠯᠳᠠᠵᠤ ᠬᠡᠪᠯᠡᠯ ᠬᠤᠯᠠᠭᠠᠶᠢᠯᠠᠬᠤ ᠠᠵᠢᠯᠯᠠᠭ᠎ᠠ ᠳᠤ ᠡᠷᠡᠰ ᠴᠣᠬᠢᠯᠲᠠ ᠥᠭᠬᠦᠨ᠎ᠠ᠃ ᠴᠢᠳᠠᠪᠤᠷᠢᠲᠠᠨ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠯᠳᠤᠬᠤ | ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ︽ᠲᠠᠯ᠎ᠠ ᠨᠣᠳᠤᠭ ᠤᠨ ᠴᠢᠳᠠᠪᠤᠷᠢᠳᠠᠨ︾ ᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠨᠢᠭᠡ | ᠪᠦᠯᠦᠭ ᠰᠢᠨ᠎ᠡ ᠶᠢ ᠡᠭᠦᠳᠴᠦ ᠠᠳᠠᠯ ᠦᠢᠯᠡᠰ ᠴᠤᠬᠴᠠᠯᠠᠬᠤ ᠬᠡᠯᠪᠡᠷᠢ ᠪᠦᠬᠦᠢ ᠳᠡᠭᠡᠲᠤ ᠲᠡᠰ ᠳᠠᠪᠬᠤᠷᠭ᠎ᠠ ᠶᠢᠨ ᠴᠢᠳᠠᠪᠤᠷᠢᠲᠠᠨ ᠢ ᠬᠦᠮᠦᠵᠢᠭᠦᠯᠦᠨ ᠪᠤᠶᠢᠵᠢᠭᠤᠯᠬᠤ ᠪᠠ | ᠣᠷᠢᠨ ᠣᠷᠤᠭᠤᠯᠤᠨ᠎ᠠ᠃ | ︵ᠭᠤᠷᠪᠠ︶ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠪᠦᠳᠦᠭᠡᠨ ᠪᠠᠶᠢᠭᠤᠯᠬᠤ ᠪᠠᠷ ᠭᠤᠤᠯᠳᠠᠭᠤᠯᠵᠤ᠂ ᠲᠠᠷᠢᠶᠠᠯᠠᠩ ᠮᠠᠯ ᠠᠵᠤ | ᠠᠬᠤᠢ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠦᠨᠡᠨᠬᠦ ᠬᠤᠪᠢᠷᠠᠭᠤᠯᠤᠨ᠎ᠠ | ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠵᠠᠭᠤᠨ ᠳ᠋ᠥᠩᠰᠢᠭᠤᠷ ᠵᠢᠩ ᠠᠮᠤ | ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠲᠦᠯᠦᠪᠵᠢᠭᠦᠯᠭᠡ ᠶᠢ ᠦᠷᠭᠦᠯᠵᠢᠯᠡᠨ ᠬᠡᠷᠡᠭᠵᠢᠭᠦᠯᠵᠦ᠂ ᠪᠦᠬᠦ ᠵᠢᠯ ᠳᠤ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠢ ᠶᠢ | 450 ᠲᠦᠮᠡᠨ ᠮᠦ᠂ ᠦᠨᠳᠦᠷ ᠪᠠᠷᠢᠮᠵᠢᠶᠠᠲᠤ ᠦᠨᠳᠦᠰᠦᠨ ᠲᠠᠷᠢᠶᠠᠨ ᠭᠠᠵᠠᠷ ᠢ 400 ᠲᠦᠮᠡᠨ ᠮᠦ ᠰᠢᠨ᠎ᠡ ᠪᠠᠷ ᠨᠡᠮᠡᠭᠳᠡᠭᠦᠯᠦᠨ᠂ ᠠᠮᠤ ᠪᠤᠳᠠᠭ᠎ᠠ ᠲᠠᠷᠢᠬᠤ ᠶᠡᠷᠦᠩᠬᠡᠢ | ᠲᠠᠯᠠᠪᠠᠢ ᠶᠢ 8000 ᠲᠦᠮᠡᠨ ᠮᠦ ᠠᠴᠠ ᠳᠣᠣᠷ᠎ᠠ ᠪᠠᠶᠢᠯᠭᠠᠬᠤ ᠦᠭᠡᠢ ᠶᠢ ᠦᠨᠡᠨᠬᠦ ᠪᠠᠲᠤᠯᠠᠵᠤ᠂ ᠶᠡᠷᠦᠩᠬᠡᠢ ᠤᠨᠠᠯᠲᠠ ᠶᠢ 550 ᠳ᠋ᠦᠩᠰᠢᠭᠤᠷ ᠵᠢᠩ ᠠᠴᠠ | ᠳᠡᠭᠡᠭᠰᠢ ᠳᠤ ᠲᠣᠭᠲᠠᠭᠤᠨ ᠪᠠᠶᠢᠯᠭᠠᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ᠲᠤᠭ᠎ᠠ | ᠬᠡᠮᠵᠢᠶᠠᠨ ᠤ ᠤᠯᠠᠭᠠᠨ ᠱᠤᠭᠤᠮ ᠪᠠ ᠶᠠᠰᠤ ᠴᠢᠨᠠᠷ ᠤᠨ ᠤᠯᠠ ᠱᠤᠭᠤᠮ ᠢ ᠡᠷᠡᠰ ᠠᠳᠬᠤᠵᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠤᠪᠢᠶᠠᠷᠢᠯᠠᠨ | ᠲᠣᠭᠲᠠᠭᠠᠬᠤ ᠶᠢ ᠲᠦᠷᠭᠡᠳᠭᠡᠨ᠂ ᠠᠮᠤ ᠪᠤᠳᠠᠭᠠᠨ ᠤ ᠦᠢᠯᠡᠳᠪᠦᠷᠢᠯᠡᠯ ᠤᠨ ᠰᠠᠭᠤᠷᠢ ᠶᠢ ᠪᠠᠲᠤᠵᠢᠭᠤᠯᠤᠨ᠎ᠠ᠃ ᠲᠠᠷᠢᠮᠠᠯ ᠤᠨ ᠦᠢᠯᠡᠰ ᠤᠨ ᠪᠦᠲᠦᠴᠡ ᠶᠢ ︽ | ᠦᠢᠯᠡᠳᠪᠦᠷᠢᠯᠡᠯ ᠢᠶᠠᠷ ᠤᠳᠤᠷᠢᠳᠤᠮᠵᠢ ᠪᠣᠯᠭᠠᠬᠤ︾ ᠠᠴᠠ ︽ᠬᠡᠷᠡᠭᠯᠡᠭᠡ ᠪᠠᠷ ᠤᠳᠤᠷᠢᠳᠤᠮᠵᠢ ᠪᠣᠯᠭᠠᠬᠤ︾ ᠵᠥᠭ ᠬᠤᠪᠢᠷᠠᠭᠤᠯᠤᠨ᠂ ᠵᠠᠬ᠎ᠠ ᠳᠡᠯᠭᠡᠭᠦᠷ ᠤᠨ ᠬᠡᠷᠡᠭᠴᠡᠭᠡ | ᠱᠠᠭᠠᠷᠳᠠᠯᠭ᠎ᠠ ᠪᠠᠷ ᠦᠷᠨᠢᠭᠦᠨ ᠪᠠᠶᠢᠭ᠎ᠠ ᠪᠣᠬᠢᠷᠳᠤᠯ ᠦᠭᠡᠢ ᠤᠷᠭᠠᠨᠢᠭ ᠪᠦᠳᠦᠬᠡᠭᠳᠡᠬᠦᠨ ᠢ ᠲᠦᠷᠭᠡᠳᠭᠡᠨ ᠬᠥᠭᠵᠢᠭᠦᠯᠵᠦ᠂ ᠴᠢᠨᠠᠷᠯᠢᠭ ᠦᠨᠳᠦᠷ ᠤᠨᠠᠯᠲᠠ ᠲᠠᠢ ᠦᠨᠳᠦᠷ | ᠦᠷ᠎ᠡ ᠠᠰᠢᠭ ᠲᠠᠢ ᠲᠠᠷᠢᠮᠠᠯ ᠤᠨ ᠵᠦᠢᠯ ᠪᠣᠯᠣᠨ ᠲᠡᠵᠢᠭᠡᠯ ᠪᠤᠷᠳᠤᠭ᠎ᠠ ᠶᠢᠨ ᠲᠠᠷᠢᠮᠠᠯ ᠤᠨ ᠲᠠᠯᠠᠪᠠᠢ ᠶᠢ ᠥᠷᠭᠡᠳᠭᠡᠨ᠂ ᠪᠡᠯᠡᠳᠭᠡᠮᠵᠢᠲᠦ ᠲᠠᠷᠢᠶᠠᠯᠠᠩ ᠢᠯᠠᠩᠭᠤᠶ᠎ᠠ ᠲᠤᠮᠤ | ᠳᠤᠮᠳᠠ ᠬᠤᠲᠠ ᠶᠢᠨ ᠢᠳᠡᠰᠢᠨ ᠨᠣᠭᠤᠭ᠎ᠠ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠦ᠂ ᠤᠯᠤᠰ ᠤᠨ ᠴᠢᠨᠠᠷᠯᠢᠬ ᠳᠦᠮᠦᠰᠦ ᠶᠢᠨ | ᠦᠷ᠎ᠡ ᠶᠢᠨ ᠴᠢᠳᠠᠮᠵᠢᠳᠦ ᠤᠷᠤᠨ ᠪᠤᠯᠤᠨ ᠳᠠᠷᠢᠮᠠᠯ ᠤᠨ ᠵᠦᠢᠯᠡᠰ ᠤᠨ ᠡᠳ᠋ᠰᠢᠬᠦᠯᠬᠦ ᠰᠠᠭᠤᠷᠢᠨ ᠭᠠᠵᠠᠷ ᠢ ᠪᠠᠶᠢᠭᠤᠯᠬᠤ ᠪᠠᠷ ᠢᠳᠡᠪᠬᠢᠯᠡᠨ ᠴᠢᠷᠮᠠᠶᠢᠨ᠎ᠠ᠃ ︽ᠠᠮᠤ | ᠪᠤᠳᠠᠭᠠᠨ ᠤ ᠠᠮᠦᠷ ᠲᠥᠪᠰᠢᠨ ᠤ ᠢᠨᠵᠧᠨᠧᠷᠢᠩ︾ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠠᠮᠤ ᠪᠤᠳᠠᠭ᠎ᠠ ᠶᠢᠨ ᠰᠠᠩ ᠬᠦᠮᠦᠷᠭᠡ ᠪᠣᠯᠣᠨ ᠭᠦᠢᠯᠭᠡᠭᠡᠨ ᠤ | ᠰᠠᠭᠤᠷᠢ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠳᠣ ᠦᠶ᠎ᠡ ᠶᠢᠨ ᠮᠠᠯ ᠠᠵᠤ ᠠᠬᠤᠢ ᠶᠢ ᠶᠡᠬᠡᠪᠡᠷ ᠬᠥᠭᠵᠢᠭᠦᠯᠵᠦ᠂ ︽ᠬᠤᠣᠰ ᠵᠠᠭᠤ ᠶᠢᠨ ᠮᠢᠩᠭᠠᠨ | ᠲᠦᠮᠡ︾ ᠶᠢᠨ ᠦᠨᠳᠦᠷ ᠭᠠᠷᠤᠯᠲᠠ ᠡᠭᠦᠳᠬᠦ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠮᠠᠯ ᠤᠨ ᠡᠭᠦᠯᠳᠡᠷ ᠰᠠᠶᠢᠵᠢᠷᠠᠭᠤᠯᠬᠤ ᠶᠢ ᠭᠤᠣᠯᠳᠠᠯᠭ᠎ᠠ ᠲᠠᠢ ᠰᠠᠶᠢᠲᠤᠷ | ᠠᠳᠬᠤᠨ᠂ ᠮᠠᠯ ᠤᠨ ᠪᠤᠳᠠᠭᠠᠯᠢ ᠪᠡᠶ᠎ᠡ ᠶᠢᠨ ᠭᠠᠷᠤᠯᠳᠠ ᠶᠢ ᠳᠡᠭᠡᠭᠰᠢᠯᠡᠭᠦᠯᠵᠦ᠂ ᠦᠷ᠎ᠡ ᠠᠰᠢᠭ ᠢ ᠨᠢ ᠨᠡᠮᠡᠭᠳᠡᠭᠦᠯᠦᠨ᠎ᠡ᠃ ᠲᠠᠷᠢᠶᠠᠯᠠᠬᠤ ᠣᠷᠣᠨ ᠤ ᠮᠠᠯ ᠠᠵᠤ | ᠠᠬᠤᠢ ᠶᠢ ᠲᠦᠷᠭᠡᠳᠭᠡᠨ ᠬᠥᠭᠵᠢᠭᠦᠯᠵᠦ᠂ ᠪᠠᠷᠢᠮᠵᠢᠶᠠᠵᠢᠭᠤᠯᠤᠨ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠶᠢ ᠢᠳᠡᠪᠬᠢᠳᠠᠢ ᠳᠡᠯᠭᠡᠷᠡᠭᠦᠯᠦᠨ᠎ᠡ᠃ ᠪᠡᠯᠴᠢᠬᠡᠷ ᠤᠨ | ᠮᠠᠯ ᠠᠵᠤ ᠠᠬᠤᠢ ᠶᠢ ᠲᠣᠭᠲᠠᠭᠤᠨ ᠢᠶᠠᠷ ᠬᠥᠭᠵᠢᠭᠦᠯᠵᠦ᠂ ᠠᠮᠢ ᠠᠬᠤᠢ ᠶᠢᠨ ᠡᠪᠡᠰᠤ ᠪᠡᠯᠴᠢᠭᠡᠷ ᠤᠨ ᠬᠥᠭᠵᠢᠯᠲᠡ ᠶᠢ ᠲᠦᠯᠬᠢᠨ ᠠᠬᠢᠭᠤᠯᠵᠤ᠂ ᠮᠠᠯ ᠠᠵᠤ ᠠᠬᠤᠢ ᠶᠢᠨ | ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠨ᠂ ᠭᠠᠮᠰᠢᠭ ᠢ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠦᠨ᠎ᠡ᠃ | ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠣᠬᠢᠷᠳᠤᠯ ᠦᠭᠡᠢ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠭᠦᠨ ᠢ ᠦᠢᠯᠡᠳᠪᠦᠷᠢᠯᠡᠨ ᠡᠳ᠋ᠰᠢᠭᠦᠯᠵᠦ ᠭᠠᠷᠭᠠᠬᠤ ᠰᠠᠭᠤᠷᠢᠨ ᠭᠠᠵᠠᠷ ᠢ ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ ᠠᠵᠤ | ᠦᠢᠯᠡᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠳᠠᠪᠠᠭᠤᠯᠢᠭ ᠠᠵᠤ ᠦᠢᠯᠡᠰ ᠤᠨ ᠪᠦᠰᠡ ᠶᠢ | ᠴᠤᠭᠴᠠᠯᠠᠵᠦ᠂ ᠠᠵᠤ ᠦᠢᠯᠡᠰ ᠤᠨ ᠲᠦᠪᠯᠡᠷᠡᠬᠦ ᠬᠡᠮᠵᠢᠶ᠎ᠠ ᠶᠢ ᠳᠡᠭᠡᠭᠰᠢᠯᠡᠭᠦᠯᠦᠨ᠎ᠡ᠃ ᠬᠦᠲᠦᠴᠢ ᠠᠵᠤ ᠠᠬᠤᠶᠢᠯᠠᠯ ᠢ ᠶᠡᠬᠡᠪᠡᠷ ᠪᠤᠶᠢᠵᠢᠭᠤᠯᠤᠨ ᠪᠣᠵᠠᠭᠠᠶᠢᠷᠠᠭᠤᠯᠵᠤ᠂ | ᠠᠵᠤ ᠦᠢᠯᠡᠰ ᠤᠨ ᠬᠡᠯᠬᠢᠶ᠎ᠠ᠂ ᠥᠷᠳᠡᠭ ᠤᠨ ᠬᠡᠯᠬᠢᠶ᠎ᠡ ᠵᠡᠷᠭᠡ ᠣᠳᠣ ᠦᠶ᠎ᠡ ᠶᠢᠨ ᠠᠵᠤ ᠦᠢᠯᠡᠰ ᠤᠨ ᠵᠣᠬᠢᠶᠠᠨ ᠪᠠᠶᠢᠭᠤᠯᠤᠯᠲᠠ ᠶᠢᠨ ᠠᠷᠭ᠎ᠠ ᠮᠠᠶ᠋ᠢᠭ ᠢ ᠲᠠᠷᠢᠶᠠᠯᠠᠩ ᠮᠠᠯ | ᠠᠵᠤ ᠠᠬᠤᠢ ᠶᠢᠨ ᠦᠢᠯᠡᠳᠪᠦᠷᠢᠯᠡᠯ ᠳᠤ ᠬᠦᠲᠦᠯᠦᠨ ᠣᠷᠤᠭᠤᠯᠵᠤ᠂ ᠠᠵᠤ ᠦᠢᠯᠡᠰ ᠤᠨ ᠪᠦᠭᠡᠮᠨᠡᠷᠡᠨ ᠬᠥᠭᠵᠢᠬᠦ ᠶᠢ ᠲᠦᠯᠬᠢᠨ ᠠᠬᠢᠭᠤᠯᠤᠨ᠎ᠠ᠃ ᠵᠠᠬ᠎ᠠ ᠳᠡᠯᠭᠡᠭᠦᠷ ᠢᠶᠠᠷ | ᠭᠤᠣᠯᠯᠠᠭᠤᠯᠤᠨ ᠤᠳᠤᠷᠢᠳᠴᠤ᠂ ᠵᠠᠰᠠᠭ ᠤᠨ ᠣᠷᠳᠣᠨ ᠬᠦᠲᠦᠯᠦᠨ ᠵᠢᠯᠣᠭᠤᠳᠬᠤ ᠶᠢ ᠪᠠᠷᠢᠮᠲᠠᠯᠠᠵᠤ᠂ ᠬᠦᠲᠦᠴᠢ ᠠᠵᠤ ᠠᠬᠤᠶᠢᠯᠠᠯ ᠬᠢᠭᠡᠳ ᠮᠠᠯᠴᠢᠨ | ᠲᠠᠷᠢᠶᠠᠴᠢᠳ ᠤᠨ ᠠᠰᠢᠭ ᠲᠤᠰᠠ ᠶᠢᠨ ᠬᠤᠯᠪᠣᠯᠳᠤᠭᠰᠠᠨ ᠲᠣᠭᠲᠠᠴᠠ ᠶᠢ ᠲᠡᠭᠦᠯᠳᠡᠷᠵᠢᠭᠦᠯᠵᠦ᠂ ᠪᠦᠳᠦᠮᠵᠢᠳᠡᠢ ᠠᠰᠢᠭ ᠲᠤᠰᠠ ᠶᠢᠨ ᠬᠤᠯᠪᠤᠯᠳᠤᠭᠰᠠᠨ ᠵᠠᠭᠪᠣᠷ ᠢ | ᠭᠠᠵᠠᠷ ᠣᠷᠣᠨ ᠳᠤᠨᠢ ᠲᠣᠬᠢᠷᠠᠭᠤᠯᠤᠨ ᠳᠡᠯᠭᠡᠷᠡᠭᠦᠯᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠣᠳᠣ ᠦᠶ᠎ᠡ ᠶᠢᠨ ᠡᠵᠡᠩᠨᠡᠵᠦ ᠪᠣᠷᠤᠯᠠᠭᠤᠯᠬᠤ | ᠰᠢᠰᠲ᠋ᠧᠮᠵᠢ ᠶᠢ ᠪᠠᠶᠢᠭᠤᠯᠤᠨ᠂ ᠮᠠᠯᠴᠢᠨ ᠲᠠᠷᠢᠶᠠᠴᠢᠳ ᠢ ᠠᠵᠤ ᠦᠢᠯᠡᠰᠵᠢᠭᠰᠡᠨ ᠡᠵᠡᠩᠨᠡᠯᠲᠡ ᠠᠴᠠ ᠨᠡᠩ ᠶᠡᠭᠡ ᠠᠰᠢᠭ ᠲᠤᠰᠠ ᠶᠢ ᠬᠦᠷᠲᠡᠭᠡᠨ᠎ᠡ᠃ ᠲᠠᠷᠢᠶᠠᠯᠠᠩ ᠮᠠᠯ | ᠠᠵᠤ ᠠᠬᠤᠢ ᠶᠢᠨ ᠨᠡᠷᠡᠲᠦ ᠲᠡᠮᠲᠡᠭᠲᠦ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠭ ᠭᠠᠷᠤᠯᠲᠠ ᠶᠢᠨ ᠣᠷᠣᠨ ᠢ ᠬᠠᠮᠠᠭᠠᠯᠠᠬᠤ ᠪᠠ ᠪᠣᠬᠢᠷᠳᠤᠯ ᠦᠭᠡᠢ᠂ | ᠣᠷᠭᠠᠨᠢᠭ᠂ ᠣᠯᠠᠨ ᠨᠡᠶᠢᠲᠡ ᠳᠤ ᠬᠤᠣᠷᠳᠠᠭᠳᠠᠯ ᠦᠭᠡᠢ ᠪᠦᠲᠦᠭᠡᠭᠳᠡᠭᠦᠨ ᠤ ᠭᠡᠷᠡᠴᠢᠯᠡᠨ ᠦᠨᠡᠮᠰᠢᠬᠦᠯᠬᠦ ᠠᠵᠢᠯ ᠢ ᠰᠠᠶᠢᠲᠤᠷ ᠬᠢᠵᠦ᠂ ᠨᠡᠩ ᠣᠯᠠᠨ ᠠᠯᠳᠠᠷᠰᠢᠬᠰᠠᠨ | ᠨᠡᠷᠡᠲᠦ ᠲᠡᠮᠳᠡᠭᠳᠦ ᠪᠤᠯᠤᠨ ᠭᠠᠵᠠᠷ ᠵᠦᠢ ᠶᠢᠨ ᠲᠡᠮᠳᠡᠭ ᠲᠠᠢ ᠲᠠᠸᠠᠷ ᠤᠨ ᠲᠡᠮᠲᠡᠭ ᠢ ᠪᠤᠶᠢᠵᠢᠭᠤᠯᠤᠨ᠎ᠠ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ | ᠭᠠᠷᠤᠯᠲᠠ ᠶᠢᠨ ᠣᠷᠣᠨ ᠤ ᠣᠷᠴᠢᠨ ᠲᠣᠭᠤᠷᠢᠨ ᠢ ᠴᠡᠪᠡᠷᠰᠢᠭᠦᠯᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠤ ᠴᠢᠨᠠᠷ ᠤᠨ ᠠᠮᠥᠷ | ᠲᠥᠪᠰᠢᠨ ᠢ ᠪᠠᠷᠢᠮᠵᠢᠶᠠᠯᠠᠬᠤ ᠰᠢᠰᠲ᠋ᠧᠮᠵᠢ ᠪᠠ ᠮᠦᠷᠳᠡᠨ ᠨᠡᠭᠡᠮᠵᠢᠯᠡᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠲᠥᠷᠭᠡᠳᠭᠡᠵᠦ᠂ ᠲᠠᠷᠢᠶᠠᠨ ᠭᠠᠵᠠᠷ ᠠᠴᠠ | ᠬᠤᠭᠤᠯᠠᠨ ᠰᠢᠷᠡᠭᠡᠨ ᠳᠡᠭᠡᠷ᠎ᠡ ᠬᠦᠷᠲᠡᠯᠡᠬᠢ ᠪᠦᠬᠦ ᠶᠠᠪᠤᠴᠠ ᠶᠢ ᠬᠠᠮᠤᠷᠠᠭᠰᠠᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠣᠢ ᠪᠣᠯᠭᠠᠨ᠎ᠠ᠃ ᠤᠯᠤᠰ ᠠᠴᠠ ᠨᠤᠤᠰᠤ | ᠨᠤᠯᠤᠤᠷ ᠤᠨ ᠶᠠᠰᠤ ᠴᠢᠨᠠᠷ ᠢ ᠰᠢᠯᠭᠠᠨ ᠪᠠᠶᠢᠴᠠᠭᠠᠬᠤ ᠪᠠᠶᠢᠭᠤᠯᠤᠯ ᠳᠤ ᠦᠬᠡᠷᠡᠴᠢᠯᠠᠯᠳᠠ ᠬᠢᠬᠦ ᠲᠤᠷᠰᠢᠯᠳᠠ ᠶᠢᠨ ᠴᠢᠬ ᠢ ᠰᠠᠶᠢᠳᠤᠷ ᠠᠳᠬᠤᠨ᠎ᠠ᠃ ᠮᠠᠯ | ᠠᠷᠠᠯᠵᠢᠶᠠᠯᠠᠬᠤ ᠳᠤ ᠠᠯᠪᠠᠳᠠᠯᠭ᠎ᠠ ᠪᠠᠷ ᠬᠢᠵᠢᠭ ᠬᠡᠮ ᠪᠠᠶᠢᠴᠠᠭᠠᠬᠤ ᠳᠦᠷᠢᠮ ᠢ ᠴᠢᠩᠭ᠎ᠠ ᠬᠡᠷᠡᠭᠵᠢᠬᠦᠯᠵᠦ᠂ ᠠᠮᠢᠲᠠᠨ ᠤ ᠬᠦᠨᠳᠦ ᠬᠡᠴᠡᠭᠦᠦ ᠬᠢᠵᠢᠭ ᠭᠡᠮ ᠪᠣᠯᠣᠨ | ᠪᠷᠦ᠋ᠼᠧᠯ ᠡᠪᠡᠳᠴᠢᠨ ᠵᠡᠷᠭᠡ ᠬᠦᠮᠦᠨ ᠮᠠᠯ ᠳᠤ ᠪᠦᠷ ᠬᠠᠯᠳᠠᠪᠤᠷᠢᠯᠠᠳᠠᠭ ᠡᠪᠡᠳᠴᠢᠨ ᠬᠡᠮ ᠤᠨ ᠰᠡᠷᠭᠡᠶᠢᠯᠡᠨ ᠵᠠᠰᠠᠬᠤ ᠶᠢ ᠴᠢᠩᠭᠠᠳᠬᠠᠨ᠎ᠠ᠃ | ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠮᠠᠶ᠋ᠢᠬ ᠲᠤ ᠰᠢᠨ᠎ᠡ ᠶᠢ ᠡᠭᠦᠳᠦᠨ᠎ᠡ᠃ ᠭᠡᠷ ᠪᠦᠯᠢ ᠶᠢᠨ ᠡᠵᠡᠩᠨᠡᠯᠲᠡ ᠶᠢ | ᠲᠣᠭᠲᠠᠭᠤᠨ ᠪᠠᠶᠢᠯᠭᠠᠬᠤ ᠰᠠᠭᠤᠷᠢᠨ ᠳᠡᠭᠡᠷ᠎ᠡ᠂ ᠣᠯᠠᠨ ᠵᠦᠢᠯ ᠤᠨ ᠬᠡᠯᠪᠡᠷᠢ ᠮᠠᠶ᠋ᠢᠭ ᠤᠨ ᠳᠤᠬᠢᠷᠠᠬᠤ ᠬᠡᠪᠴᠢᠶᠡᠵᠢᠯ ᠤᠨ ᠡᠵᠡᠩᠨᠡᠯᠲᠡ ᠶᠢ ᠢᠳᠡᠪᠬᠢᠲᠡᠢ ᠯᠠᠪᠳᠠᠭᠤᠨ ᠢᠶᠠᠷ | ᠲᠦᠯᠬᠢᠨ ᠠᠬᠢᠭᠤᠯᠵᠤ᠂ ᠲᠡᠵᠢᠭᠡᠨ ᠦᠷᠡᠵᠢᠭᠦᠯᠬᠦ ᠲᠤᠮᠤ ᠡᠷᠦᠬᠡ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ᠂ ᠲᠤᠰᠬᠠᠢ ᠠᠵᠢᠯ ᠤᠨ ᠬᠤᠷᠰᠢᠶ᠎ᠠ ᠵᠡᠷᠭᠡ | ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠤᠭᠴᠠ ᠶᠢ ᠶᠡᠬᠡᠪᠡᠷ ᠬᠥᠭᠵᠢᠭᠦᠯᠦᠨ᠂ ᠬᠠᠮᠲᠤ ᠪᠠᠷ ᠡᠵᠡᠩᠨᠡᠬᠦ᠂ ᠬᠤᠷᠰᠢᠵᠤ | ᠡᠵᠡᠩᠨᠡᠬᠦ ᠪᠠ ᠠᠵᠤ ᠠᠬᠤᠶᠢᠯᠠᠯ ᠡᠵᠡᠩᠨᠡᠬᠦ ᠶᠢ ᠵᠣᠷᠢᠬᠵᠢᠭᠤᠯᠤᠨ ᠬᠥᠭᠵᠢᠭᠦᠯᠵᠦ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠩᠨᠡᠯᠲᠡ ᠶᠢᠨ | ᠰᠢᠰᠲ᠋ᠧᠮᠵᠢ ᠶᠢ ᠲᠦᠷᠭᠡᠳᠭᠡᠨ ᠪᠠᠶᠢᠭᠤᠯᠤᠨ᠎ᠠ᠃ ᠭᠠᠵᠠᠷ ᠰᠢᠷᠤᠢ ᠶᠢᠨ ᠡᠷᠬᠡ ᠶᠢ ᠲᠣᠳᠤᠯᠠᠨ ᠳᠠᠩᠰᠠᠯᠠᠵᠤ ᠦᠨᠡᠮᠯᠡᠯ ᠣᠯᠭᠤᠬᠤ ᠳᠤᠷᠰᠢᠯᠳᠠ ᠶᠢᠨ ᠴᠢᠬ ᠪᠤᠯᠤᠨ ᠨᠤᠲᠤᠭ | ᠪᠡᠯᠴᠢᠭᠡᠷ ᠤᠨ ᠡᠷᠬᠡ ᠶᠢ ᠲᠣᠳᠤᠯᠠᠨ ᠳᠠᠭᠠᠭᠠᠴᠢᠯᠠᠭᠤᠯᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠦᠨ᠎ᠡ᠃ ᠭᠠᠵᠠᠷ ᠰᠢᠷᠤᠢ ᠬᠠᠳᠤᠯᠠᠩ ᠪᠡᠯᠴᠢᠭᠡᠷ ᠤᠨ | ᠡᠵᠡᠩᠨᠡᠯᠳᠡ ᠶᠢᠨ ᠡᠷᠬᠡ ᠶᠢ ᠡᠷᠬᠢᠯᠳᠦᠭᠦᠯᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠢᠯᠠ ᠪᠦᠭᠡᠳ ᠵᠢᠷᠤᠮᠵᠢᠯ ᠲᠠᠢ ᠡᠷᠭᠢᠯᠳᠦᠭᠦᠯᠬᠦ ᠵᠠᠬ᠎ᠠ ᠳᠡᠯᠭᠡᠭᠦᠷ ᠢ | ᠪᠦᠷᠢᠨᠰᠢᠭᠦᠯᠦᠨ᠂ ᠡᠷᠬᠢᠯᠳᠦᠬᠦᠯᠬᠦ ᠶᠠᠪᠤᠴᠠ ᠳᠤ ᠭᠠᠷᠤᠬᠰᠠᠨ ᠠᠰᠠᠭᠤᠳᠠᠯ ᠢ ᠴᠢᠬᠤᠯᠠᠴᠢᠯᠠᠬᠤ ᠪᠠ ᠰᠠᠶᠢᠳᠤᠷ ᠰᠢᠢᠳᠪᠦᠷᠢᠯᠡᠵᠦ᠂ ᠥᠷᠭᠡᠨ ᠣᠯᠠᠨ ᠮᠠᠯᠴᠢᠨ ᠲᠠᠷᠢᠶᠠᠴᠢᠳ | ᠪᠤᠯᠤᠨ ᠵᠠᠬ᠎ᠠ ᠳᠡᠯᠭᠡᠭᠦᠷ ᠤᠨ ᠭᠤᠣᠯ ᠴᠤᠭᠴᠠ ᠶᠢᠨ ᠪᠡᠯᠡ ᠣᠷᠣᠭᠤᠯᠬᠤ ᠢᠳᠡᠪᠬᠢᠵᠢᠯ ᠢ ᠳᠠᠶᠢᠴᠢᠯᠠᠨ᠎ᠠ᠃ ᠲᠠᠷᠢᠶᠠᠯᠠᠬᠤ ᠮᠠᠯᠵᠢᠬᠤ ᠣᠷᠣᠨ ᠤ ᠬᠠᠮᠲᠤ ᠶᠢᠨ ᠦᠮᠴᠢᠯᠡᠬᠦ | ᠡᠷᠬᠡ ᠶᠢᠨ ᠳᠦᠷᠢᠮ ᠤᠨ ᠦᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠭᠡᠷ ᠪᠠᠷᠢᠬᠤ ᠭᠠᠵᠠᠷ ᠤᠨ ᠳᠦᠷᠢᠮ ᠤᠨ | ᠦᠭᠡᠷᠡᠴᠢᠯᠡᠯᠲᠡ ᠶᠢᠨ ᠵᠢᠯᠤᠭᠤᠳᠬᠤ ᠰᠠᠨᠠᠯ ᠢ ᠲᠣᠭᠲᠠᠭᠠᠨ᠎ᠠ᠃ | ᠤᠰᠤ ᠪᠠᠷ ᠭᠤᠣᠯ ᠪᠣᠯᠭᠠᠭᠰᠠᠨ ᠳᠠᠷᠢᠶᠠᠯᠠᠩ ᠮᠠᠯ ᠠᠵᠤ ᠠᠬᠤᠢ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ︽ᠴᠤᠤᠯ ᠭᠤᠣᠯ ᠤᠨ | ᠤᠰᠤ ᠶᠢ ᠲᠠᠲᠠᠵᠤ ᠯᠢᠶᠣᠤ ᠾᠧ ᠭᠤᠣᠯ ᠳᠤ ᠨᠡᠮᠡᠷᠢᠯᠡᠬᠦ︾᠂ ᠪᠢᠯ ᠭᠤᠣᠯ ᠤᠨ ᠤᠰᠤᠨ ᠠᠰᠢᠭᠯᠠᠯᠲᠠ ᠶᠢᠨ ᠭᠦᠢᠰᠦ ᠵᠡᠷᠭᠡ ᠲᠦᠷᠦᠯ ᠵᠦᠢᠯ ᠤᠨ ᠡᠮᠦᠨᠡᠬᠢ | ᠬᠤᠭᠤᠴᠠᠭᠠᠨ ᠤ ᠠᠵᠢᠯ ᠢ ᠲᠦᠷᠭᠡᠳᠭᠡᠨ ᠠᠬᠢᠭᠤᠯᠵᠤ᠂ ᠴᠤᠤᠯ ᠭᠤᠣᠯ ᠤᠨ ᠤᠰᠤᠨ ᠴᠦᠬᠦᠷᠦᠮ ᠤᠨ ᠳᠣᠣᠷᠠᠲᠣ ᠤᠷᠤᠰᠬᠠᠯ ᠤᠨ ᠤᠰᠤᠯᠠᠯᠲᠠ ᠶᠢᠨ ᠣᠷᠣᠨ᠂ ᠨᠤᠨ | ᠮᠦᠷᠡᠨ ᠤ ᠭᠤᠣᠯ ᠪᠤᠯᠬᠤ ᠤᠷᠤᠰᠬᠠᠯ ᠤᠨ ᠦᠶᠡᠷ ᠰᠡᠷᠭᠡᠶᠢᠯᠡᠬᠦ ᠪᠠ ᠬᠠᠲᠤᠨ ᠭᠤᠣᠯ ᠤᠨ ᠬᠤᠶᠠᠳᠠᠬᠢ ᠬᠤᠭᠤᠴᠠᠭᠠᠨ ᠤ ᠦᠶᠡᠷ ᠰᠡᠷᠭᠡᠶᠢᠯᠡᠬᠦ ᠪᠠᠷᠢᠯᠭ᠎ᠠ ᠶᠢ | ᠡᠬᠢᠯᠡᠭᠦᠯᠦᠨ ᠪᠠᠶᠢᠭᠤᠯᠵᠤ᠂ ᠦᠷᠬᠡᠨ ᠶᠡᠭᠡ ᠭᠤᠣᠯ ᠮᠦᠷᠡᠨ ᠤ ᠭᠤᠣᠯ ᠪᠤᠯᠬᠤ ᠰᠠᠯᠪᠤᠷᠢ ᠤᠷᠤᠰᠬᠠᠯ᠂ ᠳᠤᠮᠳᠠ ᠨᠠᠷᠢᠨ ᠭᠤᠣᠯ ᠤᠨ ᠤᠷᠤᠰᠬᠠᠯ ᠢ ᠵᠠᠰᠠᠬᠤ ᠶᠢ | ᠴᠢᠩᠭᠠᠳᠬᠠᠨ᠂ ᠠᠭᠤᠯᠠᠨ ᠦᠶᠡᠷ ᠤᠨ ᠭᠠᠮᠰᠢᠭ ᠬᠦᠨᠦᠭᠡᠯ ᠢ ᠰᠡᠷᠭᠡᠶᠢᠯᠡᠨ ᠵᠠᠰᠠᠬᠤ ᠪᠠ ᠭᠡᠮ ᠰᠤᠭᠤᠭ ᠲᠠᠢ ᠤᠰᠤᠨ ᠴᠦᠬᠦᠷᠦᠮ ᠤᠨ ᠲᠥᠭᠰᠢᠭᠦᠷᠢ ᠶᠢ ᠠᠷᠢᠯᠭᠠᠨ | ᠪᠠᠬᠢᠵᠢᠭᠦᠯᠬᠦ ᠡᠷᠴᠢᠮ ᠢ ᠴᠢᠩᠭᠠᠷᠠᠭᠤᠯᠤᠨ᠎ᠠ᠃ ᠤᠰᠤᠯᠠᠯᠲᠠ ᠶᠢᠨ ᠣᠷᠣᠨ᠂ ᠮᠠᠯᠵᠢᠬᠤ ᠣᠷᠣᠨ ᠵᠢᠴᠢ ᠠᠮᠢ ᠠᠬᠤᠢ ᠶᠢᠨ ᠬᠡᠪᠡᠷᠡᠭ ᠣᠷᠣᠨ ᠤ ᠦᠨᠳᠦᠷ ᠥᠷ᠎ᠡ | ᠠᠰᠢᠭ ᠲᠠᠢ ᠤᠰᠤ ᠠᠷᠪᠢᠯᠠᠬᠤ ᠤᠰᠤᠯᠠᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠭᠤᠤᠬᠤ ᠤᠰᠤᠨ ᠤ ᠠᠮᠤᠷ ᠲᠦᠪᠰᠢᠨ | ᠢᠨᠵᠧᠨᠧᠷᠢᠩ ᠢ ᠦᠨᠳᠦᠰᠦᠨ ᠳᠡᠭᠡᠨ ᠪᠡᠶᠡᠯᠡᠭᠦᠯᠦᠨ᠎ᠡ᠃ ᠤᠰᠤ ᠬᠡᠷᠡᠭᠯᠡᠬᠦ ᠪᠦᠲᠦᠴᠡ ᠶᠢ ᠢᠳᠡᠪᠬᠢᠲᠡᠢ ᠲᠣᠬᠢᠷᠠᠭᠤᠯᠵᠤ᠂ ᠤᠰᠤᠨ ᠤ ᠬᠡᠷᠡᠭᠯᠡᠬᠦ ᠡᠷᠬᠡ ᠶᠢ ᠠᠶᠢᠮᠠᠭ | ᠬᠤᠲᠠ ᠠᠯᠤᠰᠯᠠᠨ ᠰᠢᠯᠵᠢᠭᠦᠯᠦᠨ ᠥᠭᠬᠦ ᠶᠢ ᠲᠦᠯᠬᠢᠨ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ᠂ ᠴᠠᠬᠢᠯᠭᠠᠨ ᠲᠣᠣᠷ ᠵᠡᠷᠭᠡ ᠰᠠᠭᠤᠷᠢ | ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠲᠦᠯᠲᠡᠢ ᠲᠦᠯᠦᠪᠯᠡᠨ ᠲᠦᠯᠬᠢᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠦᠮᠦᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠤ ᠶᠡᠷᠦᠩᠬᠡᠶᠢᠯᠡᠨ ᠴᠡᠭᠴᠡᠯᠡᠵᠦ ᠵᠠᠰᠠᠬᠤ ᠠᠵᠢᠯ ᠢ ᠪᠦᠬᠦ ᠲᠠᠯ᠎ᠠ ᠪᠠᠷ ᠦᠷᠨᠢᠭᠦᠯᠵᠦ᠂ ᠰᠢᠨ᠎ᠡ ᠮᠠᠯᠵᠢᠬᠤ ᠲᠠᠷᠢᠶᠠᠯᠠᠬᠤ ᠣᠷᠣᠨ ᠤ | ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠲᠡᠬᠡᠭᠰᠢᠯᠡᠬᠦᠯᠦᠨ᠎ᠠ᠃ | ︵ᠳᠥᠷᠪᠠ︶ ᠦᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠦᠳᠡᠯᠭᠡᠬᠦ | ᠬᠦᠴᠦᠨ ᠪᠣᠯᠣᠨ ᠠᠮᠢᠵᠢᠷᠠᠯ ᠤᠨ ᠬᠦᠴᠦᠨ ᠢ ᠬᠥᠭᠵᠢᠭᠡᠨ᠎ᠡ | ᠭᠤᠣᠯᠳᠠᠯᠭ᠎ᠠ ᠲᠠᠢ ᠬᠦᠷᠢᠶ᠎ᠠ ᠴᠠᠷᠠᠭ᠎ᠠ ᠳᠠᠬᠢ ᠦᠭᠡᠷᠡᠴᠢᠯᠡᠯᠲᠡ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠤᠨ᠎ᠠ᠃ ᠲᠥᠪ ᠬᠤᠷᠢᠶ᠎ᠠ ᠪᠠ ᠦᠪᠡᠷᠲᠡᠭᠡᠨ | ᠵᠠᠰᠠᠬᠤ ᠣᠷᠣᠨ ᠤ ᠦᠭᠡᠷᠡᠴᠢᠯᠡᠯᠲᠡ ᠶᠢᠨ ᠲᠦᠰᠦᠯ ᠤᠨ ᠨᠠᠶᠢᠳᠠᠪᠤᠷᠢᠵᠢᠯ ᠢ ᠴᠢᠩᠭᠠᠳᠬᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠮᠠᠨ ᠤ ᠣᠷᠣᠨ ᠢ ᠤᠷᠢᠳᠠᠪᠠᠷ | ᠶᠠᠪᠤᠭᠤᠯᠤᠨ ᠤᠷᠢᠳᠠᠪᠠᠷ ᠲᠣᠷᠰᠢᠬᠤ ᠪᠠᠷ ᠵᠤᠷᠢᠬᠵᠢᠭᠤᠯᠤᠭᠰᠠᠨ ᠭᠤᠷᠪᠠᠨ ᠵᠦᠢᠯ ᠤᠨ ᠭᠤᠣᠯᠳᠠᠯᠭ᠎ᠠ ᠲᠠᠢ ᠦᠭᠡᠷᠡᠴᠢᠯᠡᠯᠲᠡ ᠶᠢ ᠳᠤᠪᠤᠶᠢᠮ᠎ᠠ ᠰᠠᠶᠢᠲᠤᠷ ᠠᠳᠬᠤᠨ᠎ᠠ᠃ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠦᠴᠦᠨ | ᠦᠭᠡᠢ ᠪᠣᠯᠭᠠᠬᠤ ᠪᠠ ᠳᠣᠷᠤᠭᠰᠢ ᠪᠠᠭᠤᠯᠭᠠᠨ᠂ ᠤᠷᠢᠳᠤᠬᠢ ᠬᠢᠨᠠᠨ ᠵᠥᠪᠰᠢᠶᠡᠷᠡᠬᠦ ᠶᠢ ᠶᠡᠭᠡ ᠬᠡᠪᠴᠢᠶ᠎ᠠ ᠪᠠᠷ ᠪᠠᠭᠠᠰᠬᠠᠵᠤ᠂ ︽ᠭᠤᠷᠪᠠᠨ ᠦᠨᠡᠮᠯᠡᠯ ᠢ ᠨᠢᠭᠡᠳᠬᠡᠨ ᠨᠢᠭᠡ | ᠪᠣᠯᠭᠠᠬᠤ︾᠂ ᠰᠦᠯᠵᠢᠶᠡᠨ ᠳᠡᠭᠡᠷ᠎ᠡ ᠬᠠᠮᠲᠤᠷᠠᠨ ᠬᠢᠨᠠᠨ ᠵᠥᠪᠰᠢᠶᠡᠷᠡᠬᠦ ᠵᠡᠷᠭᠡ ᠵᠠᠭᠪᠤᠷ ᠢ ᠳᠡᠯᠭᠡᠷᠡᠭᠦᠯᠦᠨ᠂ ᠠᠵᠢᠯ ᠬᠡᠷᠡᠭ ᠤᠨ ᠳᠤᠮᠳᠠᠬᠢ ᠪᠠ ᠠᠵᠢᠯ ᠬᠡᠷᠡᠭ ᠤᠨ | ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠤᠴᠢᠷ ᠶᠠᠪᠤᠳᠠᠯ ᠵᠦᠪᠳᠡᠯᠴᠡᠬᠦ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠢ ᠲᠦᠯᠬᠢᠨ ᠠᠬᠢᠭᠤᠯᠵᠤ᠂ | ᠠᠵᠤ ᠠᠬᠤᠶᠢᠯᠠᠯ ᠤᠨ ᠪᠡᠯᠡ ᠣᠷᠤᠭᠤᠯᠤᠭᠰᠠᠨ ᠲᠦᠷᠦᠯ ᠵᠦᠢᠯ ᠳᠠᠬᠢ ᠨᠠᠵᠠᠭᠠᠢ ᠲᠠᠯ᠎ᠠ ᠶᠢᠨ ᠨᠠᠷᠢᠨ ᠬᠠᠭᠤᠳᠠᠰᠤ ᠶᠢ ᠲᠣᠭᠲᠠᠭᠠᠨ᠂ ᠵᠠᠰᠠᠭ ᠵᠠᠬᠢᠷᠭᠠᠨ ᠤ ᠡᠷᠬᠡ ᠶᠢᠨ | ᠨᠠᠷᠢᠨ ᠬᠠᠭᠤᠳᠠᠰᠤ ᠪᠣᠯᠣᠨ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠬᠡᠷᠡᠭᠵᠢᠭᠦᠯᠦᠨ᠎ᠡ᠃ ᠴᠠᠬᠢᠯᠭᠠᠨ ᠬᠦᠴᠦᠨ ᠤ ᠵᠠᠬ᠎ᠠ ᠳᠡᠯᠭᠡᠭᠦᠷᠴᠢᠯᠡᠬᠦ ᠦᠭᠡᠷᠡᠴᠢᠯᠡᠯᠲᠡ ᠶᠢ | ᠦᠷᠭᠦᠯᠵᠢᠯᠡᠨ ᠲᠦᠯᠬᠢᠨ ᠠᠬᠢᠭᠤᠯᠵᠤ᠂ ᠦᠪᠦᠷ ᠮᠣᠩᠭᠤᠯ ᠤᠨ ᠪᠠᠷᠠᠭᠤᠨ ᠪᠡᠶ᠎ᠠ ᠶᠢᠨ ᠴᠠᠬᠢᠯᠭᠠᠨ ᠲᠣᠣᠷ ᠤᠨ ᠣᠯᠠᠨ ᠲᠡᠰᠢ ᠠᠷᠠᠯᠵᠢᠶᠠᠯᠠᠬᠤ ᠪᠠ ᠦᠪᠦᠷ ᠮᠣᠩᠭᠤᠯ ᠤᠨ | ᠵᠡᠭᠦᠨ ᠪᠡᠶ᠎ᠠ ᠶᠢᠨ ᠲᠣᠮᠣ ᠬᠡᠷᠡᠭᠯᠡᠬᠦ ᠡᠷᠦᠬᠡ ᠳᠤ ᠰᠢᠭᠤᠳ ᠴᠠᠬᠢᠯᠭᠠᠨ ᠬᠠᠩᠭᠠᠬᠤ ᠬᠡᠪᠴᠢᠶᠡᠵᠢᠯ ᠢ ᠥᠷᠭᠡᠳᠭᠡᠨ᠂ ᠦᠪᠦᠷ ᠮᠣᠩᠭᠤᠯ ᠤᠨ ᠪᠠᠷᠠᠭᠤᠨ ᠪᠡᠶ᠎ᠠ ᠶᠢᠨ | ᠴᠠᠬᠢᠯᠭᠠᠨ ᠲᠣᠣᠷ ᠤᠨ ᠬᠥᠷᠭᠡᠵᠦ ᠲᠦᠬᠡᠬᠡᠬᠦ ᠴᠠᠬᠢᠯᠭᠠᠨ ᠤ ᠦᠨ᠎ᠡ ᠳᠤ ᠦᠭᠡᠷᠡᠴᠢᠯᠡᠯᠲᠡ ᠬᠢᠬᠦ ᠲᠣᠷᠰᠢᠯᠲᠠ ᠶᠢᠨ ᠴᠢᠬ ᠢ ᠰᠠᠶᠢᠲᠤᠷ ᠬᠢᠵᠤ᠂ ᠬᠤᠤᠯᠢᠨ ᠭᠤᠣᠯ᠂ | ᠦᠵᠦᠭᠦᠷ ᠬᠤᠳᠳᠤᠭ ᠤᠨ ᠪᠢᠴᠢᠯ ᠴᠠᠬᠢᠯᠭᠠᠨ ᠲᠣᠣᠷ ᠤᠨ ᠵᠢᠱᠢᠶ᠎ᠡ ᠦᠵᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠠ᠃ ᠦᠨ᠎ᠡ ᠬᠠᠩᠰᠢ ᠶᠢᠨ ᠪᠣᠢ ᠪᠣᠯᠬᠤ | ᠲᠣᠭᠲᠠᠴᠠ ᠳᠤ ᠦᠭᠡᠷᠡᠴᠢᠯᠡᠯᠲᠡ ᠬᠢᠬᠦ ᠪᠠᠨ ᠳᠦᠷᠬᠡᠳᠬᠡᠵᠦ᠂ ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠣᠭᠲᠠᠭᠠᠭᠰᠠᠨ ᠦᠨ᠎ᠡ ᠶᠢᠨ ᠭᠠᠷᠴᠠᠭ ᠲᠤ | ᠵᠠᠰᠠᠪᠤᠷᠢ ᠣᠷᠣᠭᠤᠯᠵᠤ᠂ ᠣᠷᠣᠨ ᠨᠤᠲᠤᠭ ᠤᠨ ᠲᠡᠮᠦᠷ ᠵᠠᠮ ᠤᠨ ᠪᠠᠷᠠᠭ᠎ᠠ ᠵᠦᠬᠡᠬᠡᠪᠦᠷᠢᠯᠡᠬᠦ ᠦᠨ᠎ᠡ ᠬᠠᠩᠰᠢ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠡᠮ | ᠡᠮᠨᠡᠯᠭᠡ ᠶᠢᠨ ᠦᠨ᠎ᠡ ᠬᠠᠩᠰᠢ ᠶᠢᠨ ᠦᠭᠡᠷᠡᠴᠢᠯᠡᠯᠲᠡ ᠶᠢ ᠲᠦᠯᠬᠢᠨ ᠠᠬᠢᠭᠤᠯᠵᠤ᠂ ᠪᠣᠷᠴᠠᠭ ᠤᠨ ᠬᠠᠷᠠᠯᠲᠠᠲᠤ ᠦᠨ᠎ᠡ ᠬᠠᠨᠭ᠍ᠰᠢ ᠳᠤ ᠦᠭᠡᠷᠡᠴᠢᠯᠡᠯᠲᠡ ᠬᠢᠬᠦ | ᠲᠣᠷᠰᠢᠯᠲᠠ ᠶᠢᠨ ᠴᠢᠬ ᠤᠨ ᠠᠵᠢᠯ ᠢ ᠰᠠᠶᠢᠳᠤᠷ ᠬᠢᠨ᠎ᠡ᠃ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠥᠰᠥᠪ ᠤᠨ | ᠬᠠᠮᠢᠶᠠᠷᠤᠯᠲᠠ ᠶᠢᠨ ᠳᠦᠷᠢᠮ ᠢ ᠰᠠᠶᠢᠵᠢᠷᠠᠭᠤᠯᠵᠤ᠂ ᠤᠨ ᠠᠯᠤᠰᠯᠠᠭᠰᠠᠨ ᠲᠦᠰᠦᠪ ᠤᠨ ᠲᠡᠩᠴᠡᠭᠦᠷᠢᠲᠡᠢ ᠪᠠᠶᠢᠬᠤ ᠲᠣᠭᠲᠠᠴᠠ ᠶᠢ ᠪᠠᠶᠢᠭᠤᠯᠤᠨ᠂ ᠡᠳ᠋ ᠤᠨ ᠵᠠᠰᠠᠭ | ᠭᠠᠶᠢᠯᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠢᠯᠭᠠᠷᠠᠭᠤᠯᠤᠨ ᠵᠢᠷᠤᠮᠵᠢᠭᠤᠯᠵᠤ᠂ ᠵᠠᠰᠠᠭ ᠤᠨ ᠣᠷᠳᠣᠨ ᠤ ᠵᠢᠭᠡᠯᠡᠬᠦ ᠠᠵᠢᠯᠯᠠᠭ᠎ᠠ ᠶᠢ ᠵᠢᠷᠤᠮᠵᠢᠭᠤᠯᠤᠨ᠎ᠠ᠃ | ᠮᠦᠩᠭᠦᠨ ᠭᠦᠢᠯᠭᠡᠭᠡᠨ ᠤ ᠬᠦᠷᠢᠶᠡᠨ ᠳᠠᠬᠢ ᠦᠭᠡᠷᠡᠴᠢᠯᠡᠯᠲᠡ ᠶᠢ ᠭᠦᠨᠵᠡᠭᠡᠶᠢᠷᠡᠭᠦᠯᠵᠤ᠂ ᠪᠤᠳᠠᠳᠦ ᠴᠤᠬᠴᠠ ᠶᠢᠨ ᠠᠵᠤ ᠠᠬᠤᠢ ᠶᠢᠨ ᠬᠦᠭᠵᠢᠯᠳᠡ ᠳᠤ ᠨᠡᠩ ᠰᠠᠶᠢᠨ ᠢᠶᠠᠷ | ᠦᠢᠯᠡᠴᠢᠯᠡᠨ᠎ᠡ᠃ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠦᠭᠡᠷᠡᠴᠢᠯᠡᠯᠲᠠ ᠶᠢ ᠦᠷᠬᠦᠯᠵᠢᠯᠡᠨ ᠠᠬᠢᠭᠤᠯᠵᠤ᠂ ᠤᠯᠤᠰ ᠤᠨ ᠦᠮᠴᠢᠯᠡᠯᠲᠦ ᠡᠳ᠋ | ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠵᠤ᠂ ᠤᠯᠤᠰ ᠤᠨ ᠦᠮᠴᠢᠯᠡᠯᠳᠦ ᠠᠵᠤ ᠠᠬᠤᠢᠢᠯᠠᠯ ᠤᠨ ᠬᠠᠷᠢᠭᠤᠴᠠᠯᠭᠠᠳᠠᠳ ᠤᠨ ᠴᠡᠯᠢᠭ | ᠬᠦᠯᠦᠰᠦ ᠶᠢᠨ ᠳᠦᠷᠢᠮ ᠳᠤ ᠦᠭᠡᠷᠡᠴᠢᠯᠡᠯᠳᠡ ᠬᠢᠬᠦ ᠳᠦᠰᠦᠯ ᠢ ᠨᠡᠶᠢᠳᠡᠯᠡᠨ᠎ᠡ᠃ | ᠨᠡᠭᠡᠭᠡᠯᠲᠡ ᠶᠢ ᠪᠦᠬᠦ ᠲᠠᠯ᠎ᠠ ᠪᠠᠷ ᠦᠷᠭᠡᠳᠭᠡᠨ᠎ᠡ᠃ ᠤᠯᠤᠰ ᠠᠴᠠ ︽ᠨᠢᠭᠡ ᠪᠦᠰᠡ ᠨᠢᠭᠡ ᠵᠠᠮ︾᠂ ᠪᠡᠭᠡᠵᠢᠩ ᠲᠢᠶᠠᠨᠵᠢᠨ ᠾᠧᠪᠧᠢ ᠶᠢ ᠵᠣᠬᠢᠴᠠᠭᠤᠯᠤᠨ | ᠬᠥᠭᠵᠢᠭᠦᠯᠬᠦ᠂ ᠬᠥᠬᠡ ᠮᠦᠷᠡᠨ ᠤ ᠠᠵᠤ ᠠᠬᠤᠢ ᠶᠢᠨ ᠪᠦᠰᠡ ᠡᠨᠡ ᠭᠤᠷᠪᠠᠨ ᠶᠡᠭᠡ ᠪᠠᠶᠢᠯᠳᠤᠬᠤ ᠪᠣᠳᠣᠯᠭ᠎ᠠ ᠶᠢ ᠬᠡᠷᠡᠭᠵᠢᠬᠦᠯᠦᠬᠡᠳ ᠪᠤᠢ ᠪᠤᠯᠤᠭᠰᠠᠨ ᠳᠣᠬᠢᠶᠠᠯ ᠢ | ᠴᠢᠩᠭ᠎ᠠ ᠠᠳᠬᠤᠵᠤ᠂ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠲᠣᠭᠲᠠᠭᠠᠭᠳᠠᠭᠰᠠᠨ ᠮᠠᠨ ᠤ ᠣᠷᠣᠨ ᠤ ᠪᠠᠶᠢᠷᠢ ᠲᠤᠭᠲᠠᠭᠠᠯᠲᠠ ᠪᠠᠨ ᠣᠨᠣᠪᠴᠢᠲᠠᠢ | ᠡᠷᠢᠵᠦ᠂ ᠤᠯᠤᠰ ᠤᠨ ᠲᠦᠯᠦᠪᠵᠢᠭᠦᠯᠭᠡ ᠯᠦᠭᠡ ᠵᠤᠯᠭᠠᠭᠤᠯᠤᠨ ᠳᠦᠬᠦᠷᠵᠢᠭᠦᠯᠬᠦ ᠶᠢ ᠰᠠᠶᠢᠲᠤᠷ ᠬᠢᠵᠦ᠂ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ | ᠠᠭᠤᠰᠤᠯᠴᠠᠬᠤ ᠪᠠ ᠦᠢᠯᠡᠴᠢᠯᠡᠬᠦ ᠳᠤᠮᠳᠠ ᠬᠥᠭᠵᠢᠯᠲᠡ ᠶᠢᠨ ᠣᠷᠣᠨ ᠵᠠᠢ ᠪᠠᠨ ᠦᠷᠭᠡᠳᠭᠡᠨ᠎ᠡ᠃ ᠣᠷᠣᠰ ᠮᠣᠩᠭᠤᠯ ᠯᠤᠭ᠎ᠠ ᠬᠠᠮᠲᠤᠷᠠᠨ ᠠᠵᠢᠯᠯᠠᠬᠤ ᠲᠣᠭᠲᠠᠴᠠ ᠳᠤ | ᠰᠢᠨ᠎ᠡ ᠶᠢ ᠡᠭᠦᠳᠦᠨ᠎ᠡ᠃ ᠲᠣᠷᠭᠠᠨ ᠵᠠᠮ ᠤᠨ ᠠᠵᠤ ᠠᠬᠤᠢ ᠶᠢᠨ ᠪᠦᠰᠡ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠳᠤ ᠬᠡᠷᠡᠭᠵᠢᠭᠦᠯᠬᠦ ᠲᠦᠰᠦᠯ ᠢ | ᠨᠠᠶᠢᠷᠠᠭᠤᠯᠤᠨ ᠵᠤᠬᠢᠶᠠᠵᠦ᠂ ᠮᠠᠨ ᠤ ᠣᠷᠣᠨ ᠤ ᠤᠮᠠᠷᠠᠰᠢ ᠨᠡᠭᠡᠭᠡᠯᠲᠡ ᠬᠢᠬᠦ ᠴᠢᠬᠤᠯᠠ ᠶᠡᠭᠡ ᠵᠦᠢᠯᠡᠰ ᠪᠣᠯᠣᠨ ᠲᠦᠷᠦᠯ ᠵᠦᠢᠯ ᠢ ᠤᠯᠤᠰ ᠤᠨ ᠳᠡᠭᠡᠳᠦ ᠳᠠᠪᠬᠤᠷᠭ᠎ᠠ ᠶᠢᠨ | ᠵᠢᠷᠤᠭᠯᠠᠨ ᠲᠦᠯᠦᠪᠯᠡᠬᠦ ᠳᠤ ᠣᠷᠤᠭᠤᠯᠬᠤ ᠪᠠᠷ ᠴᠢᠷᠮᠠᠶᠢᠨ᠎ᠠ᠃ ᠮᠠᠨᠵᠣᠣᠷ᠂ ᠡᠷᠢᠶᠡᠨ ᠬᠤᠲᠠ ᠳᠠᠬᠢ ᠤᠯᠤᠰ ᠤᠨ ᠭᠤᠣᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠲᠡ | ᠬᠢᠬᠦ ᠲᠣᠷᠰᠢᠯᠲᠠ ᠶᠢᠨ ᠲᠤᠭᠤᠷᠢᠭ ᠪᠣᠯᠣᠨ ᠬᠦᠯᠦᠨ ᠪᠤᠶᠢᠷ ᠲᠠᠬᠢ ᠳᠤᠮᠳᠠᠳᠤ ᠣᠷᠣᠰ ᠮᠣᠩᠭᠤᠯ ᠤᠨ ᠬᠤᠷᠰᠢᠯᠴᠠᠬᠤ ᠬᠤᠰᠢᠭᠤᠴᠢ ᠣᠷᠣᠨ ᠢ ᠳᠦᠷᠬᠡᠬᠡᠨ ᠪᠦᠲᠦᠭᠡᠨ | ᠪᠠᠶᠢᠭᠤᠯᠵᠤ᠂ ᠳᠤᠮᠳᠠᠳᠤ ᠮᠣᠩᠭᠤᠯ ᠤᠨ ᠦᠵᠡᠰᠭᠦᠯᠡᠩ ᠢ ᠰᠠᠶᠢᠲᠤᠷ ᠡᠷᠬᠢᠯᠡᠨ᠎ᠡ᠃ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ | ᠣᠷᠣᠰ ᠮᠣᠩᠭᠤᠯ ᠯᠤᠭ᠎ᠠ ᠶᠢᠨ ᠰᠠᠭᠤᠷᠢ ᠪᠡᠯᠡᠳᠭᠡᠮᠵᠢ ᠶᠢᠨ ᠬᠤᠯᠪᠣᠭᠠᠯᠠᠨ ᠨᠡᠪᠲᠡᠷᠡᠯᠴᠡᠬᠦ ᠶᠢ ᠢᠳᠡᠪᠬᠢᠳᠠᠢ ᠠᠬᠢᠭᠤᠯᠵᠤ᠂ ᠬᠤᠳᠠᠯᠳᠤᠭ᠎ᠠ ᠠᠷᠠᠯᠵᠢᠶ᠎ᠠ ᠶᠢᠨ ᠶᠠᠪᠤᠯᠴᠠᠭ᠎ᠠ | ᠪᠣᠯᠣᠨ ᠠᠵᠢᠯᠳᠠᠨ ᠤ ᠰᠤᠯᠢᠯᠴᠠᠭ᠎ᠠ ᠪᠠᠨ ᠦᠷᠭᠡᠳᠭᠡᠨ᠂ ᠬᠢᠯᠢ ᠳᠠᠭᠠᠤ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠬᠢᠷᠢ ᠲᠦᠪᠰᠢᠨ ᠢᠶᠠᠨ ᠪᠦᠬᠦ ᠲᠠᠯ᠎ᠠ ᠪᠠᠷ | ᠳᠡᠭᠡᠭᠰᠢᠯᠡᠭᠦᠯᠦᠨ᠎ᠡ᠃ ᠣᠷᠣᠨ ᠪᠦᠰᠡ ᠶᠢᠨ ᠬᠠᠮᠵᠢᠯᠴᠠᠭ᠎ᠠ ᠶᠢ ᠳᠦᠷᠬᠡᠳᠬᠡᠨ ᠠᠬᠢᠭᠤᠯᠤᠨ᠎ᠠ᠃ ᠪᠡᠭᠡᠵᠢᠩ ᠲᠢᠶᠠᠨᠵᠢᠨ ᠾᠧᠪᠧᠢ ᠶᠢᠨ ᠠᠵᠤ ᠦᠢᠯᠡᠰ ᠢᠶᠠᠨ ᠰᠢᠯᠵᠢᠭᠦᠯᠬᠦ | ᠲᠣᠬᠢᠶᠠᠯ ᠢ ᠠᠳᠬᠤᠵᠤ᠂ ᠤᠯᠠᠭᠠᠨᠴᠠᠪ᠂ ᠤᠯᠠᠭᠠᠠᠬᠠᠳᠠ ᠵᠡᠷᠭᠡ ᠭᠠᠵᠠᠷ ᠰᠢᠯᠵᠢᠭᠦᠯᠦᠭᠰᠡᠨ ᠠᠵᠤ ᠦᠢᠯᠡᠰ ᠤᠨ ᠲᠠᠭᠠᠭᠠᠨ ᠵᠠᠯᠭᠠᠯᠳᠤᠭᠤᠯᠬᠤ ᠰᠠᠭᠤᠷᠢᠨ ᠭᠠᠵᠠᠷ ᠢ | ᠲᠦᠷᠭᠡᠳᠭᠡᠨ ᠴᠤᠭᠴᠠᠯᠠᠬᠤ ᠪᠠ ︽ᠤᠭᠤᠷᠴᠠᠭ ᠬᠠᠷᠢᠶ᠎ᠠ ᠭᠠᠵᠠᠷ ᠤᠨ ᠠᠵᠤ ᠠᠬᠤᠢ︾ ᠶᠢ ᠬᠥᠭᠵᠢᠭᠦᠯᠦᠨ᠎ᠡ᠃ ᠪᠡᠭᠡᠵᠢᠩ ᠦᠪᠦᠷ ᠮᠣᠩᠭᠤᠯ ᠤᠨ ᠬᠠᠮᠲᠤᠷᠠᠨ | ᠠᠵᠢᠯᠯᠠᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠦᠪᠦᠷ ᠮᠣᠩᠭᠤᠯ ᠱᠠᠨ ᠰᠢ ᠾᠧᠪᠧᠢ ᠶᠢᠨ ᠤᠷᠲᠤ ᠴᠠᠭᠠᠨ ᠬᠡᠷᠡᠮ ᠠᠯᠲᠠᠨ ᠬᠤᠰᠢᠭᠤᠯᠵᠢᠨ | ᠬᠤᠷᠰᠢᠯᠴᠠᠬᠤ ᠣᠷᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠵᠧᠵᠢᠶᠠᠩ ᠤᠨ ᠬᠤᠳᠠᠯᠳᠤᠭᠠᠴᠢᠳ ᠤᠨ ᠠᠵᠤ ᠦᠢᠯᠡᠰ ᠤᠨ ᠬᠦᠷᠢᠶᠡᠯᠡᠩ᠂ ᠤᠷᠳᠤᠰ | ᠬᠤᠳᠠ ᠳᠠᠬᠢ ᠵᠢᠶᠠᠩᠰᠤ ᠶᠢᠨ ᠠᠵᠤ ᠦᠢᠯᠡᠳᠪᠦᠷᠢ ᠶᠢᠨ ᠬᠦᠷᠢᠶᠡᠯᠠᠩ ᠵᠡᠷᠭᠡ ᠵᠠᠭᠪᠣᠷ ᠢ ᠢᠳᠡᠪᠬᠢᠲᠡᠢ ᠳᠡᠯᠭᠡᠷᠡᠭᠦᠯᠵᠦ᠂ ᠠᠵᠤ ᠦᠢᠯᠡᠰ ᠤᠨ ᠲᠠᠭᠠᠭᠠᠨ ᠵᠠᠯᠭᠠᠯᠳᠤᠭᠤᠯᠬᠤ | ᠦᠨᠳᠦᠷ ᠲᠥᠪᠰᠢᠨ ᠤ ᠲᠡᠪᠴᠡᠩ ᠢ ᠴᠤᠬᠴᠠᠯᠠᠨ᠎ᠠ᠃ ᠮᠠᠨ ᠤ ᠣᠷᠣᠨ ᠬᠢᠭᠡᠳ ᠭᠠᠳᠠᠷ ᠮᠤᠵᠢ ᠣᠷᠣᠨ ᠬᠤᠲᠠ ᠯᠤᠭ᠎ᠠ ᠲᠣᠭᠲᠠᠭᠰᠠᠨ ᠬᠠᠮᠲᠤᠷᠠᠨ ᠠᠵᠢᠯᠯᠠᠬᠤ | ᠬᠡᠯᠡᠯᠴᠡᠭᠡᠷ ᠢ ᠮᠦᠷᠲᠡᠨ ᠨᠠᠶᠢᠳᠠᠪᠤᠷᠢᠵᠢᠭᠤᠯᠵᠤ᠂ ᠬᠠᠮᠲᠤᠷᠠᠨ ᠠᠵᠢᠯᠯᠠᠬᠤ ᠲᠦᠷᠦᠯ ᠵᠦᠢᠯ ᠤᠨ ᠲᠦᠷᠭᠡᠬᠡᠨ ᠨᠠᠶᠢᠳᠠᠪᠤᠷᠢᠵᠢᠬᠤ ᠶᠢ ᠠᠬᠢᠭᠤᠯᠤᠨ᠎ᠠ᠃ ᠪᠦᠬᠦ ᠵᠢᠯ ᠳᠤ | ᠤᠯᠤᠰ ᠤᠨ ᠳᠣᠲᠤᠭᠠᠲᠤ ︵ᠣᠷᠣᠨ ᠤ ᠭᠠᠳᠠᠨ᠎ᠠ︶ ᠶᠢᠨ 5000 ᠳ᠋ᠦᠩᠰᠢᠭᠤᠷ ᠲᠦᠭᠦᠷᠢᠭ ᠣᠷᠴᠢᠮ ᠤᠨ ᠪᠡᠯᠡ ᠮᠦᠩᠭᠦ ᠶᠢ ᠣᠷᠣᠭᠤᠯᠵᠤ ᠪᠣᠲᠠᠲᠠᠶᠢᠵᠢᠭᠤᠯᠬᠤ ᠪᠠᠷ | ᠴᠢᠷᠮᠠᠶᠢᠨ᠎ᠠ᠃ | ︵ᠲᠠᠪᠤ︶ ᠰᠢᠨ᠎ᠡ ᠮᠠᠶ᠋ᠢᠭ ᠤᠨ ᠬᠤᠲᠠ ᠪᠠᠯᠭᠠᠰᠤᠴᠢᠯᠠᠯᠲᠠ ᠶᠢ ᠯᠠᠪᠳᠠᠭᠤᠨ ᠪᠠᠲᠤᠲᠠᠢ ᠪᠠᠷ ᠲᠦᠯᠬᠢᠨ ᠠᠬᠢᠭᠤᠯᠵᠤ᠂ ᠬᠤᠲᠠ ᠬᠦᠳᠡᠭᠡ ᠶᠢᠨ ᠣᠷᠣᠨ | ᠪᠦᠰᠡ ᠶᠢᠨ ᠬᠥᠭᠵᠢᠯᠲᠡ ᠶᠢ ᠨᠢᠭᠡᠲᠦᠯᠲᠡᠢ ᠲᠦᠯᠦᠪᠯᠡᠨ᠎ᠡ | ᠰᠢᠨ᠎ᠡ ᠮᠠᠶ᠋ᠢᠭ ᠤᠨ ᠬᠤᠲᠠ ᠪᠠᠯᠭᠠᠰᠤᠴᠢᠯᠠᠯᠲᠠ ᠶᠢᠨ ᠠᠯᠬᠤᠴᠠ ᠶᠢ ᠳᠦᠷᠬᠡᠳᠬᠡᠨ᠎ᠡ᠃ ᠬᠦᠮᠦᠰ ᠤᠨ ᠬᠤᠲᠠ ᠪᠠᠯᠭᠠᠰᠤᠴᠢᠯᠠᠯᠲᠠ ᠪᠠᠷ ᠭᠤᠣᠯ ᠪᠣᠯᠭᠠᠵᠤ᠂ | ᠲᠠᠷᠢᠶᠠᠯᠠᠩ ᠮᠠᠯ ᠠᠵᠤ ᠠᠬᠤᠢ ᠠᠴᠠ ᠰᠢᠯᠵᠢᠭᠰᠡᠨ 400 ᠲᠦᠮᠡᠨ ᠬᠦᠮᠦᠨ ᠠᠮᠠ ᠶᠢ ᠬᠤᠲᠠ ᠶᠢᠨ ᠠᠷᠠᠳ ᠪᠣᠯᠭᠠᠬᠤ ᠠᠰᠠᠭᠤᠳᠠᠯ ᠢ ᠭᠤᠣᠯᠳᠠᠯᠭ᠎ᠠ ᠲᠠᠢ | ᠰᠢᠢᠳᠪᠦᠷᠢᠯᠡᠨ᠎ᠡ᠃ ᠬᠤᠳᠠ ᠳᠤ ᠤᠷᠤᠬᠰᠠᠨ ᠮᠠᠯᠴᠢᠨ ᠳᠠᠷᠢᠶᠠᠴᠢᠨ ᠬᠦᠴᠦ ᠶᠠᠪᠤᠬᠰᠠᠳ ᠵᠢᠴᠢ ᠳᠡᠳᠡᠨᠦᠰ ᠢ ᠳᠠᠭᠠᠯᠳᠤᠨ ᠨᠡᠬᠦᠬᠦᠭᠰᠡᠨ ᠭᠡᠷ ᠪᠦᠯᠢ ᠶᠢᠨ ᠬᠢᠨᠢ ᠬᠤᠳᠠ | ᠪᠠᠯᠭᠠᠰᠤ ᠶᠢᠨ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠭᠡ ᠶᠢ ᠠᠳᠠᠯᠢ ᠳᠡᠭᠰᠢ ᠪᠠᠷ ᠬᠦᠷᠳᠡᠬᠦ ᠶᠢ ᠪᠠᠳᠤᠯᠠᠨ᠂ ᠮᠠᠯᠴᠢᠨ ᠳᠠᠷᠢᠶᠠᠴᠢᠨ ᠬᠦᠴᠦ ᠶᠠᠪᠤᠬᠰᠠᠳ ᠢ | ᠬᠠᠮᠤᠷᠬᠤ ᠬᠤᠳᠠ ᠪᠠᠯᠭᠠᠰᠤᠨ ᠤ ᠨᠡᠶᠢᠭᠡᠮ ᠤᠨ ᠪᠠᠳᠤᠯᠠᠭ᠎ᠠ ᠶᠢᠨ ᠬᠡᠮᠵᠢᠶ᠎ᠡ ᠪᠠᠨ ᠦᠷᠭᠡᠳᠭᠡᠵᠦ᠂ ᠳᠠᠭᠠᠯᠳᠤᠨ ᠨᠡᠬᠦᠭᠰᠡᠨ ᠦᠷ᠎ᠡ ᠬᠡᠦᠬᠡᠳ ᠨᠢ ᠳᠤᠬᠠᠢ ᠶᠢᠨ ᠭᠠᠵᠠᠷ ᠤᠨ | ᠠᠯᠪᠠᠨ ᠵᠢᠷᠤᠮ ᠤᠨ ᠰᠤᠷᠭᠠᠨ ᠬᠦᠮᠦᠵᠢᠯ ᠢ ᠬᠦᠷᠳᠡᠬᠦ ᠪᠠ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠢᠯᠭᠠᠯᠳᠠ ᠳᠤ ᠤᠷᠤᠯᠴᠠᠬᠤ ᠬᠠᠮᠢᠶ᠎ᠠ ᠪᠦᠬᠦᠢ ᠳᠦᠷᠦ ᠶᠢᠨ ᠪᠤᠳᠤᠯᠭ᠎ᠠ ᠶᠢ ᠳᠡᠭᠦᠯᠳᠡᠷᠵᠢᠬᠦᠯᠦᠨ᠂ ᠮᠠᠯᠴᠢᠨ ᠳᠠᠷᠢᠶᠠᠴᠢᠨ ᠬᠦᠴᠦ ᠶᠠᠪᠤᠬᠰᠠᠳ ᠲᠤ ᠬᠤᠳᠠ | ᠪᠠᠯᠭᠠᠰᠤ ᠶᠢᠨ ᠪᠠᠳᠤᠯᠠᠭ᠎ᠠ ᠶᠢᠨ ᠴᠢᠨᠠᠷᠳᠠᠢ ᠤᠷᠤᠨ ᠰᠠᠭᠤᠴᠠ ᠬᠦᠷᠳᠡᠭᠡᠬᠦ ᠪᠤᠳᠠᠳᠠᠢ ᠠᠷᠭ᠎ᠠ ᠶᠢ ᠰᠦᠪᠡᠭᠴᠢᠯᠡᠨ᠎ᠡ᠃ ᠡᠷᠦᠬᠡ ᠠᠮᠠ ᠶᠢᠨ ᠳᠦᠷᠢᠮ ᠤᠨ | ᠦᠭᠡᠷᠡᠴᠢᠯᠡᠯᠳᠡ ᠶᠢ ᠳᠦᠷᠬᠡᠳᠭᠡᠨ᠂ ᠰᠠᠭᠤᠭᠠᠯᠢ ᠠᠷᠠᠳ ᠤᠨ ᠰᠠᠭᠤᠷᠢᠰᠢᠬᠤ ᠦᠨᠡᠮᠯᠡᠯ ᠤᠨ ᠳᠦᠷᠢᠮ ᠢ ᠪᠠᠶᠢᠭᠤᠯᠵᠤ᠂ ᠳᠠᠷᠢᠶᠠᠯᠠᠩ ᠮᠠᠯ ᠠᠵᠤ ᠠᠬᠤᠢ ᠠᠴᠠ | ᠰᠢᠯᠵᠢᠭᠰᠡᠨ ᠬᠦᠮᠦᠨ ᠠᠮᠠ ᠨᠢ ᠬᠤᠳᠠ ᠪᠠᠯᠭᠠᠰᠤᠨ ᠳᠤ ᠡᠷᠦᠬᠡ ᠠᠮᠠ ᠤᠷᠤᠭᠤᠯᠬᠤ ᠶᠢ ᠳᠦᠷᠦᠯ ᠬᠤᠪᠢᠶᠠᠨ ᠠᠬᠢᠭᠤᠯᠤᠨ᠎ᠠ᠃ ᠤᠷᠢᠳᠠᠪᠠᠷ ᠲᠦᠯᠦᠪᠵᠢᠭᠦᠯᠭᠡ | ᠲᠣᠭᠲᠠᠭᠠᠬᠤ ᠶᠢ ᠪᠠᠷᠢᠮᠲᠠᠯᠠᠵᠤ᠂ ᠦᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠰᠢᠰᠲ᠋ᠧᠮᠵᠢ ᠶᠢᠨ ᠲᠦᠯᠦᠪᠵᠢᠭᠦᠯᠭᠡ ᠶᠢ ᠨᠠᠶᠢᠷᠠᠭᠤᠯᠤᠨ ᠬᠡᠷᠡᠭᠵᠢᠭᠦᠯᠵᠦ᠂ | ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠲᠤᠷᠰᠢᠯᠲᠠ ᠶᠢᠨ ᠴᠢᠬ ᠤᠨ ᠠᠵᠢᠯ ᠢ ᠰᠠᠶᠢᠲᠤᠷ ᠠᠳᠬᠤᠵᠤ᠂ ᠬᠤᠲᠠ ᠪᠠᠯᠭᠠᠰᠤ ᠶᠢᠨ ᠪᠠᠶᠢᠷᠢᠰᠢᠭᠤᠯᠤᠯ ᠢ ᠤᠯᠠᠮ | ᠨᠢᠭᠡ ᠠᠯᠬᠤᠮ ᠰᠢᠯᠢᠳᠡᠭᠵᠢᠭᠦᠯᠵᠦ᠂ ᠳᠤᠮᠤ ᠳᠤᠮᠳᠠ ᠪᠠᠭ᠎ᠠ ᠬᠤᠲᠠ ᠬᠢᠬᠡᠳ ᠪᠠᠭ᠎ᠠ ᠬᠤᠲᠠ ᠪᠠᠯᠭᠠᠰᠤ᠂ ᠠᠵᠤ ᠦᠢᠯᠡᠰ ᠬᠢᠬᠡᠳ ᠬᠤᠲᠠ ᠪᠠᠯᠭᠠᠰᠤ᠂ ᠬᠤᠲᠠ | ᠪᠠᠯᠭᠠᠰᠤᠴᠢᠯᠠᠯᠲᠠ ᠬᠢᠬᠡᠳ ᠰᠢᠨ᠎ᠡ ᠮᠠᠯᠵᠢᠬᠤ ᠲᠠᠷᠢᠶᠠᠯᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠵᠣᠬᠢᠴᠠᠩᠭᠤᠢ ᠬᠥᠭᠵᠢᠬᠦ ᠶᠢ ᠢᠳᠡᠪᠬᠢᠲᠡᠢ ᠪᠠᠷ ᠲᠦᠯᠬᠢᠨ | ᠠᠬᠢᠭᠤᠯᠤᠨ᠎ᠠ᠃ ᠬᠤᠲᠠ ᠶᠢᠨ ᠰᠠᠭᠤᠷᠢ ᠪᠡᠯᠡᠳᠭᠡᠮᠵᠢ ᠶᠢᠨ ᠨᠦᠬᠦᠴᠡᠯ ᠢ ᠬᠦᠴᠦᠯᠡᠨ ᠬᠠᠯᠠᠨ ᠰᠠᠶᠢᠵᠢᠷᠠᠭᠤᠯᠵᠤ᠂ ᠬᠤᠲᠠ ᠶᠢᠨ ᠭᠠᠵᠠᠷ ᠳᠣᠣᠷᠠᠬᠢ ᠬᠤᠭᠤᠯᠠᠢ | ᠭᠤᠤᠷᠰᠤ ᠶᠢᠨ ᠲᠣᠣᠷ ᠤᠨ ᠨᠡᠶᠢᠳᠡᠮ ᠪᠠᠶᠢᠴᠠᠭᠠᠯᠲᠠ ᠶᠢ ᠪᠦᠬᠦ ᠲᠠᠯ᠎ᠠ ᠪᠠᠷ ᠦᠷᠨᠢᠭᠦᠯᠵᠦ᠂ ᠬᠤᠲᠠ ᠶᠢᠨ ᠶᠡᠷᠦᠩᠬᠡᠶᠢᠯᠡᠭᠰᠡᠨ ᠬᠤᠭᠤᠯᠠᠢ ᠭᠤᠤᠷᠰᠤ ᠶᠢᠨ ᠲᠤᠤᠷ ᠤᠨ | ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠪᠡᠯᠡ ᠣᠷᠤᠭᠤᠯᠤᠯᠲᠠ ᠪᠡᠯᠡ ᠲᠣᠬᠢᠷᠠᠭᠤᠯᠭ᠎ᠠ ᠶᠢᠨ ᠲᠣᠭᠲᠠᠴᠠ ᠳᠤ ᠢᠳᠡᠪᠬᠢᠲᠡᠢ ᠪᠠᠷ ᠰᠢᠨ᠎ᠡ ᠶᠢ | ᠡᠭᠦᠳᠴᠦ᠂ ᠣᠨᠴᠠ ᠵᠥᠪᠰᠢᠶᠡᠷᠡᠯ ᠲᠠᠢ ᠡᠵᠡᠩᠨᠡᠯᠲᠡ᠂ ᠪᠡᠯᠡ ᠣᠷᠣᠭᠤᠯᠤᠯᠲᠠ ᠶᠢᠨ ᠨᠦᠬᠦᠪᠦᠷᠢ᠂ ᠦᠨ᠎ᠡ ᠬᠠᠩᠰᠢ ᠶᠢᠨ ᠲᠣᠭᠲᠠᠴᠠ ᠶᠢ ᠲᠡᠭᠦᠯᠳᠡᠷᠵᠢᠭᠦᠯᠬᠦ ᠵᠡᠷᠭᠡ | ᠠᠷᠭ᠎ᠠ ᠵᠠᠮ ᠮᠥᠷ ᠢᠶᠠᠷ ᠳᠠᠮᠵᠢᠵᠦ᠂ ᠨᠡᠶᠢᠭᠡᠮ ᠤᠨ ᠬᠦᠷᠦᠩᠭᠡ ᠮᠦᠡᠭᠬᠦ ᠶᠢ ᠬᠤᠲᠠ ᠶᠢᠨ ᠰᠠᠭᠤᠷᠢ ᠪᠡᠯᠡᠳᠭᠡᠮᠵᠢ ᠶᠢᠨ ᠲᠦᠷᠦᠯ ᠵᠦᠢᠯ ᠳᠤ ᠪᠡᠯᠡ ᠣᠷᠤᠭᠤᠯᠬᠤ ᠪᠠᠷ | ᠬᠦᠲᠦᠯᠦᠨ ᠵᠢᠯᠤᠭᠤᠳᠴᠤ᠂ ᠬᠤᠲᠠ ᠪᠠᠯᠭᠠᠰᠤ ᠨᠤᠭᠤᠳ ᠤᠨ ᠠᠵᠤ ᠦᠢᠯᠡᠰ ᠪᠣᠯᠣᠨ ᠬᠦᠮᠦᠨ ᠠᠮᠠ ᠶᠢᠨ ᠳᠠᠭᠠᠭᠠᠴᠠ ᠶᠢᠨ ᠴᠢᠳᠠᠪᠤᠷᠢ ᠶᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠠ᠃ ᠭᠡᠷ ᠪᠠᠶᠢᠰᠢᠩ ᠭᠠᠵᠠᠷ ᠬᠦᠷᠦᠩᠭᠡ ᠶᠢᠨ ᠦᠢᠯᠡᠰ ᠢ ᠬᠦᠳᠦᠯᠦᠨ ᠳᠠᠭᠠᠭᠤᠯᠬᠤ ᠪᠠ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠭᠡᠷ ᠪᠠᠶᠢᠰᠢᠩ | ᠭᠠᠵᠠᠷ ᠬᠦᠷᠦᠩᠭᠡ ᠶᠢᠨ ᠦᠢᠯᠡᠰ ᠤᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠠᠬᠢᠭᠤᠯᠤᠨ᠎ᠠ᠃ ᠰᠠᠭᠤᠷᠢ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠬᠤᠲᠠ ᠶᠢᠨ | ᠲᠤᠭ᠎ᠠ ᠪᠠᠷᠢᠮᠲᠠ ᠶᠢᠨ ᠲᠥᠪ ᠢ ᠪᠠᠶᠢᠭᠤᠯᠵᠤ᠂ ᠤᠶᠤᠨᠳᠤ ᠬᠤᠲᠠ᠂ ᠤᠶᠤᠨᠳᠤ ᠨᠡᠶᠢᠭᠡᠮ ᠲᠣᠭᠤᠷᠢᠭ᠂ ᠤᠶᠤᠨᠳᠤ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ᠃ | ᠰᠢᠶᠠᠨ ᠤ ᠬᠡᠪᠴᠢᠶᠡᠨ ᠤ ᠠᠵᠤ ᠠᠬᠤᠢ ᠪᠤᠯᠤᠨ ᠨᠡᠶᠢᠲᠡ ᠶᠢᠨ ᠪᠣᠰᠤ ᠦᠮᠴᠢᠯᠡᠯᠲᠦ ᠠᠵᠤ ᠠᠬᠤᠢ ᠶᠢ ᠶᠡᠬᠡᠪᠡᠷ ᠬᠥᠭᠵᠢᠭᠦᠯᠦᠨ᠎ᠡ᠃ ︽ᠠᠵᠦ ᠦᠢᠯᠡᠰ | ᠪᠤᠯᠤᠨ ᠬᠤᠲᠠ ᠶᠢ ᠠᠭᠤᠰᠤᠯᠴᠠᠭᠤᠯᠬᠤ︾ ᠢᠶᠠᠷ ᠭᠤᠤᠯᠳᠠᠭᠤᠯᠵᠦ ᠬᠤᠰᠢᠭᠤ ᠰᠢᠶᠠᠨ ᠤ ᠬᠤᠲᠠ ᠪᠣᠯᠣᠨ ᠲᠥᠪ ᠪᠠᠯᠭᠠᠰᠤ ᠶᠢᠨ ᠪᠠᠭᠲᠠᠭᠠᠮᠵᠢ ᠶᠢ ᠥᠷᠭᠡᠵᠢᠭᠦᠯᠵᠦ | ᠴᠢᠨᠠᠷ ᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠵᠤ᠂ ᠰᠠᠭᠤᠷᠢ ᠪᠡᠯᠡᠳᠭᠡᠮᠵᠢ ᠪᠠ ᠣᠯᠠᠨ ᠨᠡᠶᠢᠲᠡ ᠶᠢᠨ ᠦᠢᠯᠡᠴᠢᠯᠡᠭᠡ ᠶᠢᠨ ᠬᠤᠲᠠ ᠬᠦᠳᠡᠭᠡ ᠶᠢ ᠬᠤᠯᠪᠤᠵᠤ᠂ | ᠬᠠᠮᠲᠤᠪᠡᠷ ᠪᠠᠶᠢᠭᠤᠯᠵᠤ ᠬᠠᠮᠲᠣᠪᠠᠷ ᠡᠳ᠋ᠯᠡᠬᠦ ᠶᠢ ᠲᠦᠷᠭᠡᠳᠭᠡᠨ᠎ᠠ᠃ ᠰᠢᠶᠠᠨ ᠤ ᠬᠡᠪᠴᠢᠶᠡᠨ ᠤ ᠠᠵᠤ ᠠᠬᠤᠢ ᠶᠢ ᠣᠨᠴᠠᠯᠢᠬᠵᠢᠭᠤᠯᠤᠨ ᠬᠥᠭᠵᠢᠭᠦᠯᠬᠦ ᠶᠢ ᠠᠬᠢᠭᠤᠯᠵᠤ᠂ | ᠬᠠᠷᠢᠴᠠᠭᠤᠯᠤᠭᠰᠠᠨ ᠳᠠᠪᠠᠭᠤᠯᠢᠭ ᠢᠶᠠᠨ ᠪᠠᠳᠠᠷᠠᠭᠤᠯᠵᠤ᠂ ᠬᠡᠪᠴᠢᠶ᠎ᠡ ᠶᠢ ᠦᠷᠭᠡᠳᠭᠡᠬᠦ᠂ ᠨᠡᠷᠡᠲᠦ ᠲᠡᠮᠲᠡᠭᠲᠦ ᠶᠢ ᠠᠯᠳᠠᠷᠰᠢᠭᠤᠯᠬᠤ ᠪᠠ ᠪᠠᠶᠢᠷᠢ ᠰᠤᠯᠪᠢᠴᠠᠨ | ᠬᠥᠭᠵᠢᠭᠦᠯᠬᠦ ᠶᠢ ᠨᠢᠭᠡᠲᠦᠯᠲᠡᠢ ᠲᠦᠯᠦᠪᠯᠡᠨ᠂ ᠳᠠᠪᠠᠭᠤᠯᠢᠭ ᠣᠨᠴᠠᠯᠢᠭ ᠪᠦᠬᠦᠢ ᠠᠵᠤ ᠦᠢᠯᠡᠰ ᠢ ᠲᠦᠷᠭᠡᠳᠭᠡᠨ ᠬᠥᠭᠵᠢᠭᠦᠯᠤᠨ᠎ᠠ᠃ ︽ᠡᠷᠬᠡ ᠶᠢ ᠥᠷᠭᠡᠳᠭᠡᠨ | ᠰᠢᠶᠠᠨ ᠢ ᠬᠦᠴᠦᠷᠭᠡᠭᠵᠢᠭᠦᠯᠬᠦ︾ ᠲᠣᠷᠰᠢᠯᠲᠠ ᠶᠢᠨ ᠴᠢᠬ ᠤᠨ ᠠᠵᠢᠯ ᠢ ᠦᠷᠬᠦᠯᠵᠢᠯᠡᠨ ᠰᠠᠶᠢᠳᠤᠷ ᠠᠳᠬᠤᠵᠤ᠂ ᠳᠤᠷᠰᠢᠯᠳᠠ ᠶᠢᠨ ᠴᠢᠬ ᠤᠨ ᠳᠤᠷᠰᠢᠯᠭ᠎ᠠ ᠪᠠᠨ | ᠳ᠋ᠦᠡᠭᠨᠡᠵᠤ᠂ ᠳᠣᠷᠤᠭᠰᠢ ᠪᠠᠭᠤᠯᠭᠠᠭᠰᠠᠨ ᠠᠵᠤ ᠠᠬᠤᠢ ᠨᠡᠶᠢᠭᠡᠮ ᠤᠨ ᠬᠠᠮᠢᠶᠠᠷᠤᠯᠲᠠ ᠶᠢᠨ ᠡᠷᠬᠡ ᠮᠡᠳᠡᠯ ᠢ ᠨᠠᠶᠢᠳᠠᠪᠤᠷᠢᠵᠢᠭᠤᠯᠤᠨ ᠪᠤᠳᠠᠳᠠᠶᠢᠵᠢᠭᠤᠯᠬᠤ ᠶᠢ ᠦᠨᠡᠨᠬᠦ | ᠪᠠᠲᠤᠯᠠᠨ᠂ ᠰᠢᠶᠠᠨ ᠤ ᠬᠡᠪᠴᠢᠶᠡᠨ ᠤ ᠵᠠᠰᠠᠬᠤ ᠪᠠ ᠪᠡᠶ᠎ᠡ ᠪᠠᠨ ᠳᠠᠭᠠᠭᠠᠵᠤ ᠬᠥᠭᠵᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠡᠶᠢᠲᠡ ᠶᠢᠨ ᠪᠤᠰᠤ ᠦᠮᠴᠢᠯᠡᠯᠲᠦ ᠠᠵᠤ | ᠠᠬᠤᠢ ᠶᠢ ᠲᠡᠳᠬᠦᠬᠦ ᠡᠷᠴᠢᠮ ᠢ ᠴᠢᠩᠭᠠᠷᠠᠭᠤᠯᠤᠨ᠂ ᠨᠡᠶᠢᠲᠡ ᠶᠢᠨ ᠪᠣᠰᠤ ᠦᠮᠴᠢᠯᠡᠯᠲᠦ ᠠᠵᠤ ᠠᠬᠤᠶᠢᠯᠠᠯ ᠤᠨ ᠣᠨᠴᠤᠭᠤᠢ ᠵᠦᠪᠰᠢᠶᠡᠷᠡᠯ ᠢᠶᠠᠷ ᠡᠵᠡᠩᠨᠡᠬᠦ | ᠬᠦᠷᠢᠶᠡᠨ ᠳᠤ ᠣᠷᠣᠬᠤ ᠪᠤᠳᠠᠳᠠᠢ ᠠᠷᠭ᠎ᠠ ᠶᠢ ᠲᠣᠭᠲᠠᠭᠠᠨ᠂ ᠨᠡᠶᠢᠲᠡ ᠶᠢᠨ ᠪᠤᠰᠤ ᠦᠮᠴᠢᠯᠡᠯᠳᠦ ᠡᠳ᠋ ᠬᠦᠷᠦᠩᠭᠡ ᠶᠢᠨ ᠬᠤᠪᠢᠴᠠᠭ᠎ᠠ ᠡᠵᠡᠮᠰᠢᠭᠰᠡᠨ ᠬᠤᠯᠢᠮᠠᠭ | ᠦᠮᠴᠢᠯᠡᠯᠲᠦ ᠠᠵᠤ ᠠᠬᠤᠶᠢᠯᠠᠯ ᠢ ᠵᠣᠷᠢᠬᠵᠢᠭᠤᠯᠤᠨ ᠬᠥᠭᠵᠢᠭᠦᠯᠦᠨ᠎ᠡ᠃ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡ ᠶᠢᠨ | ᠲᠡᠪᠴᠡᠩ ᠢ ᠲᠡᠭᠦᠯᠳᠡᠷᠵᠢᠭᠦᠯᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠨᠡᠶᠢᠳᠡᠮ ᠬᠠᠷᠠᠭᠠᠯᠵᠠᠬᠤ ᠳᠦᠷᠢᠮ ᠤᠨ ᠦᠢᠯᠡᠴᠢᠯᠡᠭᠡ ᠶᠢᠨ ᠰᠢᠰᠲ᠋ᠧᠮᠵᠢ ᠶᠢ | ᠪᠠᠶᠢᠭᠤᠯᠤᠨ᠎ᠠ᠃ ᠬᠥᠭᠵᠢᠯᠲᠡ ᠶᠢᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠨᠡᠶᠢᠲᠡ ᠶᠢᠨ ᠪᠤᠰᠤ ᠦᠮᠴᠢᠯᠡᠯᠲᠦ ᠠᠵᠤ ᠠᠬᠤᠶᠢᠯᠠᠯ ᠤᠨ | ᠬᠠᠤᠯᠢ ᠶᠤᠰᠤᠨ ᠤ ᠡᠷᠬᠡ ᠠᠰᠢᠭ ᠢ ᠬᠠᠤᠯᠢ ᠶᠤᠰᠤᠭᠠᠷ ᠬᠠᠮᠠᠭᠠᠯᠠᠨ᠂ ᠨᠡᠶᠢᠲᠡ ᠶᠢᠨ ᠪᠤᠰᠤ ᠦᠮᠴᠢᠯᠡᠯᠲᠦ ᠠᠵᠤ ᠠᠬᠤᠢ ᠶᠢᠨ ᠬᠥᠭᠵᠢᠯᠲᠡ ᠳᠤ ᠰᠢᠨ᠎ᠡ | ᠰᠢᠪᠲᠤᠯᠠᠯᠲᠠ ᠲᠠᠢ ᠪᠣᠯᠬᠤ ᠶᠢ ᠠᠬᠢᠭᠤᠯᠤᠨ᠎ᠠ᠃ | ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠨᠢᠭᠡᠲᠦᠯᠲᠡᠢ ᠲᠦᠯᠦᠪᠯᠡᠨ᠎ᠡ᠃ ᠭᠤᠣᠯ ᠴᠣᠭᠴᠠᠳᠤ ᠴᠢᠳᠠᠪᠬᠢ ᠣᠷᠣᠨ ᠤ ᠲᠦᠯᠦᠪᠵᠢᠭᠦᠯᠭᠡ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠦᠬᠦᠪᠦᠷᠢᠯᠡᠬᠦ᠂ ᠴᠢᠳᠠᠪᠬᠢ ᠶᠢᠨ ᠪᠠᠶᠢᠷᠢ ᠲᠤᠭᠲᠠᠭᠠᠯᠲᠠ ᠨᠢ | ᠲᠤᠳᠤᠷᠬᠠᠢ᠂ ᠡᠬᠢ ᠪᠠᠶᠠᠯᠢᠭ ᠢ ᠦᠨᠳᠦᠷ ᠪᠦᠲᠦᠮᠵᠢᠲᠡᠢ ᠠᠰᠢᠭᠯᠠᠬᠤ᠂ ᠬᠦᠮᠦᠨ ᠬᠢᠭᠡᠳ ᠪᠠᠶᠢᠭᠠᠯᠢ ᠡᠶ᠎ᠡ ᠵᠣᠬᠢᠴᠠᠯ ᠲᠠᠢ ᠤᠷᠤᠰᠢᠭᠰᠠᠨ ᠣᠷᠣᠨ ᠪᠦᠰᠡ ᠶᠢᠨ | ᠬᠥᠭᠵᠢᠯᠲᠡ ᠶᠢᠨ ᠰᠢᠨ᠎ᠡ ᠪᠠᠶᠢᠳᠠᠯ ᠢ ᠪᠣᠢ ᠪᠣᠯᠭᠠᠨ᠎ᠠ᠃ ᠬᠦᠬᠡᠬᠤᠲᠠ ᠪᠣᠭᠤᠳᠤ ᠣᠷᠳᠤᠰ ᠤᠨ ᠨᠢᠭᠡ ᠴᠣᠭᠴᠠᠵᠢᠬᠤ ᠶᠢ ᠬᠦᠴᠦᠳᠠᠢ ᠠᠬᠢᠭᠤᠯᠵᠤ᠂ ᠵᠠᠮ ᠬᠠᠷᠢᠯᠴᠠᠭ᠎ᠠ᠂ | ᠴᠢᠮᠡᠭᠡ ᠬᠤᠯᠪᠣᠭ᠎ᠠ᠂ ᠮᠥᠩᠭᠦᠨ ᠭᠦᠢᠯᠭᠡᠭᠡ ᠵᠡᠷᠭᠡ ᠬᠦᠷᠢᠶᠡᠨ ᠳᠠᠬᠢ ᠤᠷᠢᠳᠴᠢᠯᠠᠨ ᠬᠤᠲᠠᠴᠢᠯᠠᠬᠤ ᠶᠢ ᠪᠡᠶᠡᠯᠡᠭᠦᠯᠦᠨ᠎ᠠ᠃ ᠦᠬᠠᠢ ᠵᠢᠴᠢ ᠡᠷᠬᠢᠨ ᠲᠣᠭᠤᠷᠢᠨ ᠤ ᠭᠠᠵᠠᠷ | ᠣᠷᠣᠨ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠢᠳᠡᠪᠬᠢᠳᠠᠢ ᠠᠬᠢᠭᠤᠯᠵᠤ᠂ ᠣᠷᠣᠨ ᠪᠦᠰᠡ ᠶᠢᠨ ᠳᠣᠲᠤᠷᠠᠬᠢ ᠡᠬᠢ ᠪᠠᠶᠠᠯᠢᠭ ᠤᠨ ᠬᠦᠴᠦᠨ ᠵᠦᠢᠯ ᠢ ᠡᠮᠬᠢᠯᠡᠨ | ᠨᠡᠶᠢᠯᠡᠭᠦᠯᠬᠦ ᠪᠠ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠡᠷᠴᠢᠮ ᠢ ᠴᠢᠩᠭᠠᠷᠠᠭᠤᠯᠤᠨ᠎ᠠ᠃ ᠬᠠᠲᠤᠨ ᠭᠤᠣᠯ ᠳᠠᠭᠠᠤ᠂ ᠵᠠᠮ ᠬᠠᠷᠢᠯᠴᠠᠭᠠᠨ ᠤ ᠭᠤᠣᠯ | ᠱᠤᠭᠤᠮ ᠳᠠᠭᠠᠤ ᠶᠢᠨ ᠠᠵᠤ ᠠᠬᠤᠢ ᠶᠢᠨ ᠪᠦᠰᠡ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠰᠠᠴᠤᠷᠠᠭᠠᠨ ᠨᠦᠯᠦᠭᠡᠯᠡᠵᠦ | ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠵᠡᠭᠦᠨ ᠬᠤᠶᠢᠲᠤ ᠣᠷᠣᠨ ᠤ ᠬᠦᠭᠵᠢᠯᠲᠡ ᠶᠢ ᠳᠡᠮᠵᠢᠬᠦ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠴᠢᠬᠤᠯᠠ | ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ᠢ ᠬᠢᠨᠠᠮᠠᠭᠠᠢ ᠨᠠᠶᠢᠳᠠᠪᠤᠷᠢᠵᠢᠭᠤᠯᠤᠨ᠂ ᠵᠡᠭᠦᠨ ᠪᠡᠶ᠎ᠠ ᠶᠢᠨ ᠠᠶᠢᠮᠠᠭ ᠬᠤᠲᠠ ᠶᠢᠨ ᠳᠦᠷᠬᠡᠨ ᠬᠦᠭᠵᠢᠬᠦ ᠶᠢ | ᠠᠬᠢᠭᠤᠯᠤᠨ᠎ᠠ᠃ ᠡᠬᠢ ᠪᠠᠶᠠᠯᠢᠭ ᠤᠨ ᠬᠡᠯᠪᠡᠷᠢ ᠲᠠᠢ ᠭᠠᠵᠠᠷ ᠣᠷᠤᠨ ᠪᠣᠯᠣᠨ ᠰᠢᠭᠤᠢᠢᠳᠤ ᠣᠷᠣᠨ ᠤ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠵᠤ᠂ | ᠮᠠᠯᠵᠢᠬᠤ ᠬᠤᠰᠢᠭᠤ ᠰᠢᠶᠠᠨ᠂ ᠬᠢᠯᠢ ᠬᠢᠵᠠᠭᠠᠷ ᠢᠶᠠᠷ ᠪᠠᠶᠢᠬᠤ ᠬᠤᠰᠢᠭᠤ ᠬᠤᠲᠠ᠂ ᠭᠤᠷᠪᠠᠨ ᠴᠦᠬᠡᠨ ᠲᠣᠭᠠᠲᠤ ᠦᠨᠳᠦᠰᠦᠲᠡᠨ ᠤ ᠦᠪᠡᠷᠲᠡᠭᠡᠨ ᠵᠠᠰᠠᠬᠤ ᠬᠤᠰᠢᠭᠤ᠂ | ᠦᠨᠳᠦᠰᠦᠲᠡᠨ ᠤ ᠰᠢᠶᠠᠩ ᠪᠣᠯᠣᠨ ᠴᠦᠬᠡᠨ ᠲᠣᠭᠠᠲᠤ ᠦᠨᠳᠦᠰᠦᠲᠡᠨ ᠤ ᠬᠦᠮᠦᠨ ᠠᠮᠠ ᠬᠠᠷᠢᠴᠠᠩᠭᠤᠢ ᠲᠦᠪᠯᠡᠷᠡᠭᠰᠡᠨ ᠭᠠᠵᠠᠷ ᠣᠷᠣᠨ ᠢ ᠲᠡᠳᠬᠦᠬᠦ ᠡᠷᠴᠢᠮ ᠢᠶᠠᠨ | ᠴᠢᠩᠭᠠᠷᠠᠭᠤᠯᠤᠨ᠎ᠠ᠃ | ︵ᠵᠢᠷᠭᠤᠭ᠎ᠠ︶ ᠠᠷᠠᠳ ᠤᠨ ᠠᠮᠢᠳᠤᠷᠠᠯ ᠢ ᠦᠨᠡᠨᠬᠦ ᠪᠠᠲᠤᠯᠠᠬᠤ ᠪᠠ ᠰᠠᠶᠢᠵᠢᠷᠠᠭᠤᠯᠵᠤ᠂ ᠠᠷᠠᠳ ᠤᠨ ᠠᠮᠢᠳᠤᠷᠠᠯ ᠤᠨ ᠬᠢᠷᠢ ᠲᠥᠪᠰᠢᠨ ᠢ | ᠯᠠᠪᠳᠠᠭᠤᠨ ᠢᠶᠠᠷ ᠳᠡᠭᠡᠭᠰᠢᠯᠡᠭᠦᠯᠦᠨ᠎ᠡ | ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠣᠯᠠᠨ ᠠᠷᠭ᠎ᠠ ᠵᠠᠮ ᠢᠶᠠᠷ ᠨᠡᠮᠡᠭᠳᠡᠭᠦᠯᠦᠨ᠎ᠡ᠃ ᠣᠷᠣᠯᠭ᠎ᠠ ᠶᠢᠨ ᠬᠤᠪᠢᠶᠠᠷᠢᠯᠠᠯᠲᠠ ᠶᠢᠨ | ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠠ᠃ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠴᠠᠯᠢᠩ ᠤᠨ ᠳᠦᠷᠢᠮ ᠢ ᠲᠡᠭᠦᠯᠳᠡᠷᠵᠢᠭᠦᠯᠦᠨ᠂ | ᠦᠨᠳᠦᠰᠦᠨ ᠴᠠᠯᠢᠩ ᠤᠨ ᠪᠠᠷᠢᠮᠵᠢᠶ᠎ᠠ ᠶᠢ ᠲᠣᠬᠢᠷᠠᠭᠤᠯᠵᠤ᠂ ᠬᠤᠰᠢᠭᠤ ᠰᠢᠶᠠᠨ ᠤ ᠱᠠᠲᠤᠨ ᠠᠴᠠ ᠳᠣᠷᠤᠭᠰᠢᠬᠢ ᠪᠠᠶᠢᠭᠤᠯᠭ᠎ᠠ ᠶᠢᠨ ᠠᠯᠪᠠᠲᠠᠨ ᠤ ᠲᠤᠰᠢᠶᠠᠯ ᠬᠢᠭᠡᠳ | ᠲᠤᠰᠢᠶᠠᠯ ᠤᠨ ᠳᠡᠰ ᠢ ᠵᠡᠷᠭᠡ ᠪᠠᠷ ᠶᠠᠪᠤᠭᠤᠯᠬᠤ ᠳᠦᠷᠢᠮ ᠢ ᠬᠡᠷᠡᠭᠵᠢᠭᠦᠯᠵᠦ᠂ ᠠᠵᠢᠯᠲᠠᠨ ᠠᠵᠢᠯᠴᠢᠳ ᠤᠨ ᠴᠠᠯᠢᠩ ᠠᠪᠴᠤ ᠠᠮᠠᠷᠠᠬᠤ ᠳᠦᠷᠢᠮ ᠢ | ᠨᠠᠶᠢᠳᠠᠪᠤᠷᠢᠵᠢᠭᠤᠯᠤᠨ᠎ᠠ᠃ ᠠᠵᠤ ᠠᠬᠤᠶᠢᠯᠠᠯ ᠤᠨ ᠴᠠᠯᠢᠩ ᠢᠶᠠᠨ ᠬᠠᠮᠲᠤ ᠪᠠᠷ ᠵᠦᠪᠳᠡᠯᠴᠡᠬᠦ ᠶᠢ ᠠᠬᠢᠭᠤᠯᠵᠤ᠂ ᠴᠠᠯᠢᠩ ᠤᠨ ᠬᠠᠮᠤᠭ ᠳᠣᠣᠷ᠎ᠠ ᠪᠠᠷᠢᠮᠵᠢᠶ᠎ᠠ ᠶᠢᠨ | ᠲᠣᠬᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠤᠯᠠᠮ ᠨᠢᠭᠡ ᠠᠯᠬᠤᠮ ᠦᠷᠭᠡᠳᠭᠡᠵᠦ᠂ | ᠮᠠᠯᠵᠢᠬᠤ ᠲᠠᠷᠢᠶᠠᠯᠠᠬᠤ ᠣᠷᠣᠨ ᠤ ᠬᠦᠳᠡᠯᠮᠦᠷᠢ ᠬᠦᠴᠦ ᠶᠢ ᠰᠢᠯᠵᠢᠭᠦᠯᠦᠨ ᠠᠵᠢᠯ ᠤᠯᠭᠤᠬᠤ ᠶᠢ ᠬᠦᠲᠦᠯᠦᠨ ᠵᠢᠯᠤᠭᠤᠳᠴᠤ᠂ ᠮᠠᠯᠴᠢᠨ ᠲᠠᠷᠢᠶᠠᠴᠢᠳ ᠲᠤ | ᠬᠠᠷᠠᠭᠠᠯᠵᠠᠯ ᠦᠵᠡᠭᠦᠯᠬᠦ ᠡᠯ᠎ᠡ ᠵᠦᠢᠯ ᠤᠨ ᠨᠦᠬᠦᠪᠦᠷᠢ ᠶᠢᠨ ᠲᠥᠷᠥ ᠶᠢᠨ ᠪᠣᠳᠣᠯᠭ᠎ᠠ ᠶᠢ ᠲᠡᠷᠡ ᠶᠤᠰᠤᠭᠠᠷ ᠨᠢ ᠨᠠᠶᠢᠳᠠᠪᠤᠷᠢᠵᠢᠭᠤᠯᠤᠨ᠎ᠠ᠃ ᠡᠬᠢ ᠪᠠᠶᠠᠯᠢᠭ ᠢ ᠨᠡᠭᠡᠭᠡᠨ | ᠬᠥᠭᠵᠢᠭᠦᠯᠬᠦ᠂ ᠭᠠᠵᠠᠷ ᠰᠢᠷᠤᠢ ᠲᠠᠲᠠᠪᠤᠷᠢᠯᠠᠵᠦ ᠬᠡᠷ ᠪᠠᠶᠢᠰᠢᠩ ᠢ ᠨᠤᠷᠠᠭᠠᠵᠤ ᠨᠡᠭᠦᠯᠭᠡᠬᠦ ᠳᠤ ᠨᠦᠬᠦᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠭᠠᠵᠠᠷ | ᠰᠢᠷᠤᠢ᠂ ᠭᠡᠷ ᠪᠠᠷᠢᠬᠤ ᠭᠠᠵᠠᠷ ᠪᠣᠯᠣᠨ ᠬᠠᠮᠲᠤ ᠶᠢᠨ ᠡᠳ᠋ ᠬᠦᠷᠦᠩᠭᠡ ᠶᠢᠨ ᠳᠠᠯ᠎ᠠ ᠪᠠᠷ ᠬᠢ ᠮᠠᠯᠴᠢᠨ ᠲᠠᠷᠢᠶᠠᠴᠢᠳ ᠤᠨ ᠡᠷᠬᠡ ᠠᠰᠢᠭ ᠢ ᠬᠠᠤᠯᠢ ᠶᠤᠰᠤᠭᠠᠷ ᠪᠠᠲᠤᠯᠠᠨ᠎ᠠ | ᠃ | ᠨᠡᠶᠢᠭᠡᠮ ᠤᠨ ᠪᠠᠲᠤᠯᠠᠭ᠎ᠠ ᠶᠢᠨ ᠠᠮᠦᠷ ᠲᠥᠪᠰᠢᠨ ᠤ ᠲᠣᠣᠷ ᠢ ᠨᠢᠭᠲᠠ ᠪᠦᠬᠡᠳ ᠪᠠᠬᠢ ᠪᠠᠶᠢᠭᠤᠯᠤᠨ᠎ᠠ᠃ ᠠᠵᠤ ᠠᠬᠤᠶᠢᠯᠠᠯ ᠤᠨ ᠠᠵᠢᠯ ᠠᠴᠠ ᠪᠠᠨ | ᠪᠠᠭᠤᠵᠤ ᠠᠮᠠᠷᠠᠬᠰᠠᠨ ᠠᠵᠢᠯᠲᠠᠨ ᠠᠵᠢᠯᠴᠢᠳ ᠤᠨ ᠦᠨᠳᠦᠰᠦᠨ ᠨᠠᠰᠤᠵᠢᠯ ᠤᠨ ᠮᠦᠡᠭᠬᠦ ᠪᠤᠯᠤᠨ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠰᠠᠭᠤᠷᠢ | ᠨᠠᠰᠤᠵᠢᠯ ᠤᠨ ᠮᠦᠩᠭᠦ᠂ ᠠᠰᠠᠷᠠᠨ ᠬᠠᠷᠠᠭᠠᠯᠵᠠᠬᠤ ᠡᠲᠡᠭᠡᠳ ᠤᠨ ᠠᠰᠠᠷᠠᠮᠵᠢ ᠪᠣᠯᠣᠨ ᠠᠮᠢᠳᠤᠷᠠᠯ ᠤᠨ ᠨᠦᠬᠦᠪᠦᠷᠢ᠂ ᠬᠤᠲᠠ ᠬᠦᠳᠡᠭᠡ ᠳᠠᠬᠢ ᠠᠮᠢᠳᠤᠷᠠᠯ ᠤᠨ ᠨᠠᠭᠠᠲᠤ | ᠵᠠᠬ᠎ᠠ ᠶᠢᠨ ᠪᠠᠲᠤᠯᠠᠭ᠎ᠠ ᠬᠦᠷᠳᠡᠬᠦ ᠡᠲᠡᠭᠡᠳ ᠤᠨ ᠨᠦᠬᠦᠪᠦᠷᠢ ᠶᠢᠨ ᠬᠢᠷᠢ ᠬᠡᠮᠵᠢᠶ᠎ᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠨᠡᠶᠢᠭᠡᠮ ᠤᠨ ᠳᠠᠭᠠᠳᠬᠠᠯ ᠤᠨ ᠨᠢᠭᠡᠲᠦᠯᠲᠡᠢ | ᠲᠦᠯᠦᠪᠯᠡᠬᠦ ᠳᠡᠰ ᠳᠠᠪᠬᠤᠷᠭ᠎ᠠ ᠪᠣᠯᠣᠨ ᠪᠠᠲᠤᠯᠠᠭ᠎ᠠ ᠶᠢᠨ ᠬᠢᠷᠢ ᠬᠡᠮᠵᠢᠶ᠎ᠠ ᠶᠢ ᠳᠡᠭᠡᠭᠰᠢᠯᠡᠭᠦᠯᠵᠦ᠂ ᠠᠵᠢᠯᠲᠠᠨ ᠠᠵᠢᠯᠴᠢᠳ ᠤᠨ ᠦᠨᠳᠦᠰᠦᠨ ᠨᠠᠰᠤᠵᠢᠯ ᠤᠨ | ᠳᠠᠭᠠᠳᠬᠠᠯ ᠤᠨ ᠲᠣᠬᠠᠢ ᠦᠪᠡᠷᠲᠡᠭᠡᠨ ᠵᠠᠰᠬᠠᠤ ᠣᠷᠣᠨ ᠤ ᠨᠢᠭᠡᠲᠦᠯᠲᠡᠢ ᠲᠦᠯᠦᠪᠯᠡᠬᠦ ᠬᠠᠮᠢᠶᠠᠷᠤᠯᠲᠠ ᠶᠢᠨ ᠠᠷᠭ᠎ᠠ ᠶᠢ ᠳᠡᠭᠦᠯᠳᠡᠷᠵᠢᠭᠦᠯᠵᠦ᠂ ᠡᠮᠴᠢᠯᠡᠭᠡ᠂ ᠲᠦᠷᠦᠵᠦ | ᠪᠤᠶᠢᠵᠢᠭᠤᠯᠬᠤ ᠵᠡᠷᠭᠡ ᠳᠠᠭᠠᠳᠬᠠᠯ ᠢ ᠠᠶᠢᠮᠠᠭ ᠬᠤᠲᠠ ᠶᠢᠨ ᠱᠠᠲᠤᠨ ᠤ ᠬᠢᠨ ᠨᠢᠭᠡᠲᠦᠯᠲᠡᠢ ᠲᠦᠯᠦᠪᠯᠡᠬᠦ ᠶᠢ ᠵᠢᠷᠤᠮᠵᠢᠭᠤᠯᠤᠨ᠎ᠠ᠃ ᠪᠠᠶᠢᠭᠤᠯᠭ᠎ᠠ ᠠᠵᠢᠯ ᠦᠢᠯᠡᠰ ᠤᠨ | ᠨᠢᠭᠡᠴᠡ ᠶᠢᠨ ᠨᠠᠰᠤᠵᠢᠯ ᠤᠨ ᠳᠠᠭᠠᠳᠬᠠᠯ ᠤᠨ ᠳᠦᠷᠢᠮ ᠤᠨ ᠦᠭᠡᠷᠡᠴᠢᠯᠡᠯᠲᠡ ᠶᠢᠨ ᠲᠤᠬᠠᠢ ᠤᠯᠤᠰ ᠤᠨ ᠳᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠭᠠᠵᠠᠷ | ᠰᠢᠷᠤᠢ ᠪᠠᠨ ᠲᠠᠲᠠᠪᠤᠷᠢᠯᠠᠭᠳᠠᠭᠰᠠᠨ ᠮᠠᠯᠴᠢᠨ ᠲᠠᠷᠢᠶᠠᠴᠢᠳ ᠲᠤ ᠵᠤᠷᠢᠭᠤᠯᠤᠭᠰᠠᠨ ᠨᠡᠶᠢᠭᠡᠮ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠬᠤᠲᠠ | ᠪᠠᠯᠭᠠᠰᠤ ᠶᠢᠨ ᠪᠠᠶᠢᠩᠭᠤ ᠰᠠᠭᠤᠭ᠎ᠠ ᠬᠦᠮᠦᠨ ᠠᠮᠠ ᠶᠢ ᠬᠤᠲᠠ ᠪᠠᠯᠭᠠᠰᠤ ᠶᠢᠨ ᠦᠨᠳᠦᠰᠦᠨ ᠡᠮᠴᠢᠯᠡᠭᠡ ᠶᠢᠨ ᠪᠠᠲᠤᠯᠠᠭ᠎ᠠ ᠶᠢᠨ ᠬᠡᠪᠴᠢᠶᠡᠨ ᠳᠤ ᠠᠯᠬᠤᠮ ᠠᠯᠬᠤᠮ ᠢᠶᠠᠷ | ᠣᠷᠣᠭᠤᠯᠤᠨ᠎ᠠ᠃ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠴᠢᠯᠡᠭᠡ ᠳᠠᠬᠢ ᠬᠦᠨᠳᠤ ᠡᠪᠡᠳᠴᠢᠨ ᠢ ᠡᠮᠴᠢᠯᠡᠬᠦ ᠪᠠᠲᠤᠯᠠᠭ᠎ᠠ ᠶᠢᠨ ᠬᠡᠪᠴᠢᠶ᠎ᠡ ᠶᠢ | ᠦᠷᠭᠡᠳᠭᠡᠵᠦ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠦᠨᠳᠤ ᠡᠪᠡᠳᠴᠢᠨ ᠤ ᠡᠮᠴᠢᠯᠡᠬᠦ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠪᠦᠲᠦᠮᠵᠢᠲᠡᠢ | ᠵᠤᠯᠭᠠᠯᠲᠤᠭᠤᠯᠬᠤ ᠶᠢ ᠲᠦᠯᠬᠢᠨ ᠠᠬᠢᠭᠤᠯᠵᠤ᠂ ᠡᠪᠡᠳᠴᠢᠨ ᠡᠮᠭᠡᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ | ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠪᠠ ᠬᠦᠳᠡᠭᠡ ᠲᠤᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠴᠢᠯᠡᠭᠡ ᠶᠢᠨ | ᠲᠠᠯ᠎ᠠ ᠪᠠᠷ ᠬᠢ ᠵᠠᠰᠠᠭ ᠤᠨ ᠣᠷᠳᠤᠨ ᠤ ᠨᠦᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠬᠦᠮᠦᠨ ᠪᠦᠷᠢ ᠵᠢᠯ ᠳᠤ 320 ᠲᠦᠭᠦᠷᠢᠭ ᠪᠠᠶᠢᠭᠰᠠᠨ ᠠᠴᠠ 380 | ᠲᠦᠭᠦᠷᠢᠭ ᠪᠣᠯᠭᠠᠨ ᠲᠡᠬᠡᠭᠰᠢᠯᠡᠬᠦᠯᠦᠨ᠎ᠠ᠃ ᠡᠮᠴᠢᠯᠡᠭᠡ ᠶᠢᠨ ᠳᠠᠭᠠᠳᠬᠠᠯ ᠤᠨ ᠰᠦᠢᠳᠭᠡᠯ ᠲᠤᠰᠢᠶᠠᠬᠤ ᠠᠷᠭ᠎ᠠ ᠮᠠᠶ᠋ᠢᠭ ᠤᠨ ᠦᠭᠡᠷᠡᠴᠢᠯᠡᠯᠲᠡ ᠶᠢ ᠦᠷᠭᠦᠯᠵᠢᠯᠡᠨ | ᠲᠦᠯᠬᠢᠨ ᠠᠬᠢᠭᠤᠯᠵᠤ᠂ ᠦᠨᠳᠦᠰᠦᠨ ᠡᠮᠴᠢᠯᠡᠭᠡ ᠶᠢᠨ ᠳᠠᠭᠠᠳᠬᠠᠯ ᠢᠶᠠᠷ ᠣᠷᠣᠨ ᠤ ᠬᠢᠵᠠᠭᠠᠷ ᠲᠤᠳᠤᠷᠠᠬᠢ ᠪᠤᠰᠤᠳ ᠭᠠᠵᠠᠷ ᠢᠶᠠᠷ ᠡᠮᠨᠡᠭᠦᠯᠬᠦ ᠳᠤ ᠰᠢᠭᠤᠳ ᠳ᠋ᠦᠩᠨᠡᠨ | ᠪᠣᠳᠣᠬᠤ ᠶᠢ ᠪᠡᠶᠡᠯᠡᠭᠦᠯᠦᠨ᠎ᠡ᠃ ᠲᠦᠷ ᠴᠠᠭ ᠤᠨ ᠠᠪᠤᠷᠠᠨ ᠲᠤᠰᠠᠯᠠᠬᠤ ᠪᠠ ᠣᠨᠴᠤᠭᠤᠢ ᠬᠦᠨᠳᠦ ᠡᠪᠡᠳᠴᠢᠨ ᠢ ᠡᠮᠴᠢᠯᠡᠵᠦ ᠠᠪᠤᠷᠠᠨ ᠲᠤᠰᠠᠯᠠᠬᠤ ᠳᠦᠷᠢᠮ ᠢ ᠪᠦᠬᠦ | ᠲᠠᠯ᠎ᠠ ᠪᠠᠷ ᠪᠠᠶᠢᠭᠤᠯᠵᠤ᠂ ᠬᠦᠴᠢᠷᠳᠡᠯᠲᠡᠢ ᠣᠯᠠᠨ ᠲᠦᠮᠡᠨ ᠢ ᠨᠡᠶᠢᠭᠡᠮ ᠤᠨ ᠬᠢᠨ ᠠᠴᠠ ᠠᠪᠤᠷᠠᠨ ᠲᠤᠰᠠᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ | ᠠᠷᠠᠳ ᠤᠨ ᠠᠮᠢᠳᠤᠷᠠᠯ ᠤᠨ ᠭᠤᠣᠯᠳᠠᠯᠭ᠎ᠠ ᠲᠠᠢ ᠢᠨᠵᠧᠨᠧᠷᠢᠩ ᠤᠨ ᠪᠠᠶᠢᠭᠤᠯᠤᠯᠲᠠ ᠶᠢ ᠬᠦᠴᠦᠳᠠᠢ ᠲᠦᠯᠬᠢᠨ ᠠᠬᠢᠭᠤᠯᠤᠨ᠎ᠠ᠃ ᠮᠠᠯᠵᠢᠬᠤ ᠲᠠᠷᠢᠶᠠᠯᠠᠬᠤ | ᠣᠷᠣᠨ ᠤ ︽ᠠᠷᠪᠠ ᠪᠠᠷ ᠪᠦᠬᠦᠨ ᠢ ᠬᠠᠮᠤᠷᠠᠬᠤ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠲᠦᠯᠦᠪᠵᠢᠭᠦᠯᠭᠡ ᠶᠢᠨ ᠲᠦᠰᠦᠯ ᠢ ᠬᠢᠨᠠᠮᠠᠭᠠᠢ ᠨᠠᠶᠢᠳᠠᠪᠤᠷᠢᠵᠢᠭᠤᠯᠤᠨ | ᠂ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠲᠦᠷᠦᠯ ᠵᠦᠢᠯ ᠢ ᠵᠣᠬᠢᠰᠲᠠᠢ ᠪᠠᠶᠢᠷᠢᠯᠠᠭᠤᠯᠤᠨ᠂ ᠪᠠᠷᠢᠯᠭ᠎ᠠ ᠶᠢᠨ ᠠᠵᠢᠯ ᠢ ᠨᠢᠮᠪᠠᠢ ᠵᠣᠬᠢᠶᠠᠨ | ᠪᠠᠶᠢᠭᠤᠯᠵᠤ᠂ ᠬᠤᠶᠢᠨᠠᠬᠢ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠨ᠂ ᠦᠪᠡᠷᠲᠡᠭᠡᠨ ᠵᠠᠰᠠᠬᠤ ᠣᠷᠣᠨ ᠤ ᠬᠠᠮᠤᠭ ᠶᠡᠭᠡ ᠶᠡᠷᠦᠩᠬᠡᠶᠢᠯᠡᠭᠰᠡᠨ ᠴᠢᠨᠠᠷᠲᠠᠢ ᠠᠷᠠᠳ ᠤᠨ | ᠠᠮᠢᠳᠤᠷᠠᠯ ᠤᠨ ᠢᠨᠵᠧᠨᠧᠷᠢᠩ ᠢ ᠦᠨᠡᠨᠬᠦ ᠪᠤᠳᠠᠳᠠᠢ ᠪᠠᠷ ᠴᠢᠩᠭ᠎ᠠ ᠠᠳᠬᠤᠵᠤ᠂ ᠥᠷᠭᠡᠨ ᠣᠯᠠᠨ ᠮᠠᠯᠴᠢᠨ ᠲᠡᠷᠢᠶᠠᠴᠢᠳ ᠲᠤ ᠤᠷᠲᠤ ᠬᠤᠭᠤᠴᠠᠭ᠎ᠠ ᠪᠠᠷ ᠠᠰᠢᠭ ᠲᠤᠰᠠ | ᠬᠦᠷᠲᠡᠭᠡᠨ᠎ᠡ᠃ ᠠᠳᠠᠯ ᠦᠢᠯᠡᠰ ᠴᠣᠭᠴᠠᠯᠠᠵᠤ ᠠᠵᠢᠯ ᠣᠯᠭᠤᠬᠤ ᠢᠨᠵᠧᠨᠧᠷᠢᠩ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠳᠡᠭᠡᠳᠦ ᠰᠤᠷᠭᠠᠭᠤᠯᠢ | ᠲᠡᠭᠦᠰᠦᠭᠰᠡᠳ ᠲᠤ ᠠᠵᠢᠯ ᠣᠯᠭᠤᠬᠤ ᠪᠠᠷ ᠭᠤᠣᠯᠳᠠᠯᠭ᠎ᠠ ᠪᠣᠯᠭᠠᠨ᠂ ᠮᠠᠯᠴᠢᠨ ᠲᠠᠷᠢᠶᠠᠴᠢᠳ ᠢ ᠰᠢᠯᠵᠢᠭᠦᠯᠦᠨ ᠠᠵᠢᠯ ᠣᠯᠭᠤᠬᠤ᠂ ᠨᠤᠲᠤᠭ ᠲᠠᠭᠠᠨ ᠪᠣᠴᠠᠵᠤ ᠠᠳᠠᠯ | ᠦᠢᠯᠡᠰ ᠴᠣᠭᠴᠠᠯᠠᠬᠤ ᠪᠠ ᠬᠤᠲᠠ ᠪᠠᠯᠭᠠᠰᠤ ᠶᠢᠨ ᠠᠵᠢᠯ ᠠᠯᠳᠠᠭᠰᠠᠳ᠂ ᠠᠵᠢᠯ ᠣᠯᠬᠤ ᠳᠤ ᠬᠦᠴᠢᠷᠲᠡᠢ ᠬᠦᠮᠦᠰ ᠲᠤ ᠠᠵᠢᠯ ᠣᠯᠭᠤᠬᠤ ᠠᠵᠢᠯ ᠢ ᠨᠢᠭᠡᠲᠦᠯᠲᠡᠢ | ᠲᠦᠯᠦᠪᠯᠡᠵᠦ ᠰᠠᠶᠢᠲᠤᠷ ᠬᠢᠨ᠎ᠡ᠃ ᠠᠳᠠᠯ ᠦᠢᠯᠡᠰ ᠴᠣᠭᠴᠠᠯᠠᠬᠤ ᠣᠷᠴᠢᠨ ᠠᠬᠤᠢ ᠶᠢ ᠰᠢᠯᠢᠳᠡᠭᠵᠢᠭᠦᠯᠵᠦ᠂ ᠦᠷᠬᠡᠨ ᠤᠯᠠᠨ ᠢᠶᠠᠷ ᠢᠶᠠᠨ ᠠᠳᠠᠯ ᠦᠢᠯᠡᠰ ᠴᠣᠭᠴᠠᠯᠠᠬᠤ᠂ | ᠬᠤᠲᠠᠯᠠ ᠤᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠠᠬᠢᠭᠤᠯᠵᠤ᠂ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠬᠤ ᠶᠢ ᠳᠠᠶᠢᠴᠢᠯᠠᠨ᠎ᠠ᠃ ᠬᠦᠳᠡᠯᠮᠦᠷᠢ | ᠨᠢᠭᠲᠠᠷᠠᠭᠰᠠᠨ ᠬᠡᠯᠪᠡᠷᠢ ᠪᠦᠬᠦᠢ ᠠᠵᠤ ᠦᠢᠯᠡᠰ᠂ ᠦᠢᠯᠡᠴᠢᠯᠡᠭᠡ ᠶᠢᠨ ᠦᠢᠯᠡᠰ ᠪᠣᠯᠣᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠬᠦᠴᠦᠳᠠᠢ | ᠲᠡᠳᠭᠦᠵᠦ᠂ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡ ᠶᠢᠨ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ | ᠴᠢᠩᠭᠠᠳᠬᠠᠨ᠂ ︽ᠨᠢᠭᠡ ᠨᠢ ᠴᠦ ᠠᠵᠢᠯ ᠣᠯᠣᠭᠰᠠᠨ ᠦᠭᠡᠢ︾ ᠭᠡᠷ ᠪᠦᠯᠢ ᠶᠢᠨ ᠬᠢᠨ ᠤ ᠬᠦᠳᠡᠯᠦᠩᠭᠦᠢ ᠪᠠᠶᠢᠳᠠᠯ ᠢ ᠦᠬᠡᠶᠢᠰᠬᠡᠬᠦ ᠪᠠᠨ ᠪᠠᠳᠤᠯᠠᠬᠤ᠂ ᠬᠤᠲᠠ | ᠪᠠᠯᠭᠠᠰᠤ ᠶᠢᠨ 25 ᠲᠦᠮᠡᠡ ᠬᠦᠮᠦᠨ ᠳᠤ ᠰᠢᠨ᠎ᠡ ᠪᠠᠷ ᠠᠵᠢᠯ ᠣᠯᠭᠤᠬᠤ ᠶᠢ ᠨᠡᠮᠡᠭᠳᠡᠭᠦᠯᠬᠦ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠬᠰᠠᠨ | ᠨᠣᠷᠮ᠎ᠡ ᠶᠢ 4% ᠶᠢᠨ ᠲᠣᠳᠤᠷ᠎ᠠ ᠬᠢᠵᠠᠭᠠᠷᠯᠠᠬᠤ ᠬᠠᠷᠠᠯᠲᠠ ᠪᠠᠨ ᠦᠨᠡᠨᠬᠦ ᠪᠠᠳᠤᠯᠠᠨ ᠪᠡᠶᠡᠯᠡᠬᠦᠯᠦᠨ᠎ᠠ᠃ ᠶᠠᠳᠠᠭᠤ ᠶᠢ ᠲᠡᠳᠭᠦᠨ ᠪᠤᠭᠤᠮᠲᠠ ᠰᠢᠪᠲᠤᠯᠠᠬᠤ ᠢᠨᠵᠧᠨᠧᠷᠢᠩ ᠢ | ᠬᠦᠨᠵᠡᠭᠡᠢ ᠲᠦᠯᠬᠢᠨ ᠠᠬᠢᠭᠤᠯᠵᠤ᠂ ᠤᠳᠤᠷᠢᠳᠬᠤ ᠺᠠᠳ᠋ᠷᠴᠤᠳ ᠶᠠᠳᠠᠭᠤ ᠬᠦᠴᠢᠷᠳᠡᠯᠲᠡᠢ ᠴᠢᠬ ᠯᠤᠭ᠎ᠠ ᠬᠠᠷᠢᠯᠴᠠᠬᠤ ᠳᠦᠷᠢᠮ ᠢ ᠬᠢᠨᠠᠮᠠᠭᠠᠢ ᠨᠠᠶᠢᠳᠠᠪᠤᠷᠢᠵᠢᠭᠤᠯᠤᠨ ︽ | ᠭᠤᠷᠪᠠ ᠶᠢ ᠲᠤᠰᠬᠤᠨ ᠬᠢᠭᠡᠳ ᠡᠷᠦᠬᠡ ᠳᠤ ᠬᠦᠷᠭᠡᠬᠦ︾ ᠬᠠᠪᠰᠤᠷᠤᠨ ᠲᠡᠳᠭᠦᠬᠦ ᠠᠵᠢᠯ ᠢ ᠯᠠᠪᠳᠠᠭᠤᠨ ᠪᠠᠲᠤᠲᠠᠢ ᠰᠠᠶᠢᠳᠤᠷ ᠠᠳᠬᠤᠵᠤ᠂ ᠮᠦᠩᠭᠦᠨ ᠭᠦᠢᠯᠭᠡᠭᠡ | ᠰᠤᠷᠭᠠᠨ ᠬᠦᠮᠦᠵᠢᠯ ᠪᠠ ᠨᠡᠶᠢᠭᠡᠮ ᠤᠨ ᠶᠠᠳᠠᠭᠤ ᠶᠢ ᠲᠡᠳᠭᠦᠬᠦ ᠠᠵᠢᠯ ᠢᠶᠠᠨ ᠦᠨᠡᠨᠬᠦ ᠰᠠᠶᠢᠲᠤᠷ ᠠᠳᠬᠤᠵᠤ᠂ ᠶᠡᠭᠡ ᠬᠢᠩᠭᠠᠨ ᠳᠠᠪᠠᠭ᠎ᠠ ᠶᠢᠨ ᠡᠮᠦᠨ᠎ᠡ ᠬᠤᠷᠮᠣᠢ ᠶᠢᠨ | ᠬᠡᠰᠡᠭᠷᠡᠨ ᠵᠠᠯᠭᠠᠯᠳᠤᠭᠰᠠᠨ ᠣᠨᠴᠠ ᠬᠦᠴᠢᠷᠳᠡᠯᠲᠡᠢ ᠣᠷᠣᠨ ᠪᠠ ᠶᠠᠨ ᠱᠠᠨ ᠠᠭᠤᠯᠠ — ᠲᠠᠢ ᠬᠠᠩ ᠱᠠᠨ ᠠᠭᠤᠯᠠ ᠬᠦᠷᠲᠡᠯᠡᠬᠢ ᠬᠡᠰᠡᠭ ᠣᠷᠣᠨ ᠤ ᠶᠠᠳᠠᠭᠤ ᠶᠢ | ᠲᠡᠳᠭᠦᠨ ᠪᠣᠭᠤᠮᠲᠠ ᠰᠢᠪᠲᠤᠯᠬᠤ ᠲᠦᠯᠦᠪᠵᠢᠭᠦᠯᠭᠡ ᠶᠢ ᠲᠦᠷᠭᠡᠳᠭᠡᠨ ᠬᠡᠷᠡᠭᠵᠢᠭᠦᠯᠵᠤ᠂ ᠶᠠᠳᠠᠭᠤ ᠬᠦᠴᠢᠷᠳᠡᠯᠳᠡᠢ ᠬᠦᠮᠦᠨ ᠠᠮᠠ ᠶᠢ 40 ᠲᠦᠮᠡ ᠪᠠᠭᠠᠰᠬᠠᠬᠤ ᠪᠠᠨ | ᠦᠨᠡᠨᠬᠦ ᠪᠠᠲᠤᠯᠠᠨ᠎ᠠ᠃ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭᠠᠲᠤ ᠭᠡᠷ ᠪᠦᠯᠢ ᠶᠢᠨ ᠤᠶᠤᠳᠠᠨ ᠤ ᠰᠤᠷᠭᠠᠭᠤᠯᠢ ᠳᠤ ᠣᠷᠣᠬᠤ ᠶᠢ ᠲᠤᠰᠠᠯᠠᠬᠤ ᠪᠠ ᠮᠠᠯᠵᠢᠬᠤ | ᠲᠠᠷᠢᠶᠠᠯᠠᠬᠤ ᠣᠷᠣᠨ ᠤ ᠣᠷᠣᠯᠭ᠎ᠠ ᠪᠠᠭ᠎ᠠ ᠲᠠᠢ ᠭᠡᠷ ᠪᠦᠯᠢ ᠳᠤ ᠳᠤᠯᠠᠭᠠᠯᠠᠯᠭ᠎ᠠ ᠶᠢᠨ ᠨᠡᠭᠦᠷᠡᠰᠦ ᠶᠢ ᠲᠦᠯᠦᠪᠦᠷᠢ ᠦᠭᠡᠢ ᠬᠦᠷᠬᠡᠨ ᠦᠭᠬᠦ ᠲᠥᠷᠥ ᠶᠢᠨ ᠪᠣᠳᠣᠯᠭ᠎ᠠ ᠶᠢ | ᠦᠷᠭᠦᠯᠵᠢᠯᠡᠨ ᠬᠡᠷᠡᠭᠵᠢᠭᠦᠯᠦᠨ᠎ᠡ᠃ ᠠᠷᠠᠳ ᠲᠦᠮᠡᠨ ᠤ ᠬᠢᠮᠳᠠ ᠤᠷᠤᠨ ᠰᠠᠭᠤᠴᠠ ᠶᠢᠨ ᠢᠨᠵᠧᠨᠧᠷᠢᠩ ᠢ ᠶᠡᠬᠡᠪᠡᠷ ᠲᠦᠯᠬᠢᠨ ᠠᠬᠢᠭᠤᠯᠵᠤ᠂ ᠪᠠᠲᠤᠯᠠᠭ᠎ᠠ ᠶᠢᠨ ᠴᠢᠨᠠᠷᠲᠠᠢ | ᠬᠢᠮᠳᠠ ᠤᠷᠤᠨ ᠰᠠᠭᠤᠴᠠ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠪᠣᠯᠣᠨ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ | ᠰᠢᠨᠡᠳᠭᠡᠨ ᠵᠠᠰᠠᠬᠤ ᠠᠯᠬᠤᠴᠠ ᠶᠢ ᠲᠦᠷᠭᠡᠳᠭᠡᠨ᠂ ᠪᠤᠭᠤᠳᠤ ᠶᠢᠨ ᠬᠦᠷᠡᠯ ᠰᠢᠯᠢ᠂ ᠤᠯᠠᠭᠠᠠᠬᠠᠳᠠ ᠶᠢᠨ ᠲᠡᠮᠦᠷ ᠵᠠᠮ ᠤᠨ ᠡᠮᠦᠨ᠎ᠡ᠂ ᠬᠢᠩᠭᠠᠨ ᠠᠶᠢᠮᠠᠭ ᠤᠨ ᠷᠠᠰᠢᠶᠠᠨ | ᠵᠡᠷᠭᠡ ᠭᠤᠣᠯᠳᠠᠯᠭ᠎ᠠ ᠲᠠᠢ ᠳᠦᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠰᠢᠨᠡᠳᠭᠡᠨ ᠵᠠᠰᠠᠬᠤ ᠪᠠᠷᠢᠯᠭ᠎ᠠ ᠶᠢ ᠬᠦᠴᠦ ᠵᠠᠷᠤᠴᠠᠭᠤᠯᠤᠨ ᠰᠠᠶᠢᠲᠤᠷ ᠬᠢᠵᠦ᠂ | ᠪᠠᠲᠤᠯᠠᠭ᠎ᠠ ᠶᠢᠨ ᠭᠡᠷ ᠪᠠᠶᠢᠰᠢᠩ ᠤᠨ ᠬᠤᠪᠢᠶᠠᠷᠢᠯᠠᠯᠲᠠ ᠬᠠᠮᠢᠶᠠᠷᠤᠯᠲᠠ ᠶᠢ ᠴᠢᠩᠭᠠᠳᠬᠠᠵᠦ᠂ ᠳᠦᠭᠦᠮ ᠪᠦᠳᠦᠭᠦᠯᠢᠭ ᠣᠷᠣᠨ ᠰᠠᠭᠤᠴᠠ ᠶᠢ ᠰᠢᠨᠡᠳᠭᠡᠨ ᠵᠠᠰᠠᠬᠤ ᠪᠠᠨ | ᠵᠣᠭᠤᠰᠵᠢᠭᠤᠯᠤᠨ ᠲᠦᠪᠬᠢᠨᠡᠬᠦᠯᠬᠦ ᠶᠢ ᠲᠦᠯᠬᠢᠨ ᠠᠬᠢᠭᠤᠯᠵᠤ᠂ 24.2 ᠲᠦᠮᠡᠨ ᠢᠵᠢ ᠪᠠᠲᠤᠯᠠᠭ᠎ᠠ ᠶᠢᠨ ᠴᠢᠨᠠᠷᠲᠠᠢ ᠬᠢᠮᠳᠠ ᠤᠷᠤᠨ ᠰᠠᠭᠤᠴᠠ ᠶᠢ ᠰᠢᠨ᠎ᠡ ᠪᠠᠷ | ᠪᠠᠷᠢᠯᠭ᠎ᠠ ᠡᠬᠢᠯᠡᠭᠦᠯᠬᠦ ᠶᠢ ᠦᠨᠡᠨᠬᠦ ᠪᠠᠲᠤᠯᠠᠵᠤ᠂ 16 ᠲᠦᠮᠡᠨ ᠢᠵᠢ ᠭᠡᠷ ᠪᠠᠶᠢᠰᠢᠩ ᠢ ᠦᠨᠳᠦᠰᠦᠨ ᠳᠡᠭᠡᠨ ᠪᠠᠶᠢᠭᠤᠯᠤᠨ ᠳᠠᠭᠤᠰᠬᠠᠵᠤ᠂ ᠮᠠᠯᠵᠢᠬᠤ ᠲᠠᠷᠢᠶᠠᠯᠠᠬᠤ | ᠣᠷᠣᠨ ᠳᠠᠬᠢ 17 ᠲᠦᠮᠡᠨ ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠤᠨ ᠰᠢᠨᠡᠳᠭᠡᠨ ᠵᠠᠰᠠᠬᠤ ᠠᠵᠢᠯ ᠢ ᠪᠡᠶᠡᠯᠡᠭᠦᠯᠦᠨ᠎ᠡ᠃ | ︵ᠳᠤᠯᠤᠭ᠎ᠠ︶ ᠰᠤᠶᠣᠯ ᠤᠨ ᠴᠡᠴᠡᠭᠯᠡᠯᠲᠡ ᠬᠥᠭᠵᠢᠯᠲᠡ ᠶᠢ ᠠᠬᠢᠭᠤᠯᠵᠤ᠂ ᠥᠷᠭᠡᠨ ᠣᠯᠠᠨ ᠲᠦᠮᠡᠨ ᠤ ᠣᠶᠣᠨ ᠰᠠᠨᠠᠭᠠᠨ ᠤ ᠰᠤᠶᠤᠯ ᠤᠨ ᠬᠡᠷᠡᠭᠴᠡᠭᠡ | ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠨ᠎ᠠ | ᠬᠠᠮᠲᠤ ᠶᠢᠨ ᠣᠶᠣᠨ ᠰᠠᠨᠠᠭᠠᠨ ᠤ ᠬᠦᠰᠡᠯᠡᠩ ᠤᠨ ᠣᠷᠣᠨ ᠢ ᠬᠦᠴᠦᠯᠡᠨ ᠪᠦᠲᠦᠭᠡᠨ ᠪᠠᠶᠢᠭᠤᠯᠤᠨ᠎ᠠ᠃ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠣᠨᠣᠯ ᠪᠣᠯᠣᠨ ᠳᠤᠮᠳᠠᠳᠤ ᠶᠢᠨ ᠵᠡᠭᠦᠳᠦ ᠪᠠᠷ ᠨᠡᠶᠢᠳᠡ ᠤᠯᠠᠨ ᠤ ᠲᠠᠨᠢᠯᠲᠠ ᠶᠢ ᠨᠢᠭᠲᠠᠷᠠᠭᠤᠯᠬᠤ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ | ᠭᠤᠣᠯᠯᠠᠬᠤ ᠥᠷᠳᠡᠭ ᠤᠨ ᠦᠵᠡᠯᠲᠡ ᠶᠢ ᠪᠤᠢ ᠪᠤᠯᠭᠠᠬᠤ ᠪᠠ ᠦᠢᠯᠡᠳᠦᠯᠭᠡᠵᠢᠭᠦᠯᠬᠦ ᠳᠤ ᠬᠡᠷᠡᠭᠵᠢᠭᠦᠯᠬᠦ ᠰᠠᠨᠠᠯ ᠢ ᠬᠢᠨᠠᠮᠠᠭᠠᠢ ᠨᠠᠶᠢᠳᠠᠪᠤᠷᠢᠵᠢᠭᠤᠯᠵᠤ᠂ ︽ᠳᠤᠮᠳᠠᠳᠤ ᠶᠢᠨ | ᠵᠡᠭᠦᠳᠦ · ᠬᠠᠷᠢᠭᠤᠴᠠᠯᠭ᠎ᠠ ᠪᠠᠨ ᠭᠦᠢᠴᠡᠳᠭᠡᠵᠦ ᠬᠦᠰᠡᠯ ᠵᠡᠭᠦᠳᠦ ᠪᠠᠨ ᠲᠡᠷᠭᠡᠯᠰᠢᠭᠦᠯᠬᠦ︾ ᠰᠢᠷᠢᠰ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶ | ᠦᠷᠨᠢᠬᠦᠯᠵᠦ᠂ ᠬᠠᠮᠲᠤᠪᠠᠷ ᠪᠦᠯᠬᠦᠮᠳᠡᠨ ᠲᠡᠮᠡᠴᠡᠬᠦ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠦᠨ᠎ᠡ᠃ ᠦᠢᠯᠡᠳᠦᠯᠭᠡ ᠶᠢᠨ ᠱᠠᠭᠠᠷᠳᠠᠯᠭ᠎ᠠ ᠶᠢ ᠳᠣᠪᠤᠶᠢᠯᠭᠠᠵᠤ᠂ | ᠠᠵᠢᠯᠯᠠᠭᠠᠨ ᠤ ᠠᠴᠢᠶᠠᠯᠠᠪᠤᠷᠢ ᠶᠢ ᠪᠠᠶᠠᠯᠢᠬᠵᠢᠭᠤᠯᠤᠨ᠂ ᠨᠡᠶᠢᠭᠡᠮ ᠵᠢᠷᠤᠮ ᠤᠨ ᠭᠤᠤᠯᠯᠠᠬᠤ ᠦᠷᠳᠡᠭ ᠤᠨ ᠦᠵᠡᠯᠳᠡ ᠶᠢ ᠪᠤᠢ ᠪᠤᠯᠭᠠᠬᠤ ᠪᠠ ᠦᠢᠯᠡᠳᠦᠯᠭᠡᠵᠢᠬᠦᠯᠬᠦ ᠪᠠᠨ | ᠤᠶᠤᠨ ᠤ ᠪᠣᠯᠪᠠᠰᠤᠨ ᠢ ᠴᠤᠭᠴᠠᠯᠠᠬᠤ᠂ ᠤᠯᠠᠨ ᠲᠦᠮᠡᠨ ᠤ ᠰᠤᠶᠤᠯ ᠤᠨ ᠠᠵᠢᠯᠯᠠᠭ᠎ᠠ ᠲᠠᠢ ᠤᠶᠠᠯᠳᠤᠭᠤᠯᠵᠤ᠂ ᠭᠤᠣᠯ ᠬᠥᠭ ᠠᠶᠠᠰ ᠢ ᠴᠤᠤᠷᠢᠶᠠᠳᠠᠭᠤᠯᠤᠨ᠂ | ᠢᠳᠡᠪᠬᠢ ᠬᠦᠴᠦᠨ ᠢ ᠨᠢᠭᠲᠠᠷᠠᠭᠤᠯᠵᠤ᠂ ᠠᠷᠠᠳ ᠢᠷᠭᠡᠳ ᠤᠨ ᠶᠤᠰᠤ ᠮᠤᠷᠠᠯ ᠤᠨ ᠬᠡᠪ ᠪᠤᠯᠪᠠᠰᠤᠷᠠᠯ ᠪᠣᠯᠣᠨ ᠨᠡᠶᠢᠭᠡᠮ ᠤᠨ ᠪᠣᠯᠪᠠᠰᠤᠨ ᠤ ᠬᠡᠮᠵᠢᠶ᠎ᠠ ᠶᠢ ᠪᠦᠬᠦ | ᠲᠠᠯ᠎ᠠ ᠪᠠᠷ ᠳᠡᠭᠡᠭᠰᠢᠯᠡᠭᠦᠯᠦᠨ᠂ ᠳᠤᠮᠳᠠᠳᠤ ᠶᠢᠨ ᠵᠡᠭᠦᠳᠦ ᠶᠢ ᠪᠡᠶᠡᠯᠡᠭᠦᠯᠬᠦ ᠤᠶᠤᠨ ᠰᠠᠨᠠᠭᠠᠨ ᠤ ᠬᠦᠳᠡᠯᠭᠡᠬᠦ ᠬᠦᠴᠦᠨ ᠢ ᠬᠥᠭᠵᠢᠭᠡᠨ᠎ᠡ᠃ | ᠰᠤᠶᠤᠯ ᠤᠨ ᠦᠢᠯᠡᠰ ᠢ ᠶᠡᠬᠡᠪᠡᠷ ᠬᠥᠭᠵᠢᠭᠦᠯᠦᠨ᠎ᠡ᠃ ᠣᠯᠠᠨ ᠨᠡᠶᠢᠲᠡ ᠶᠢᠨ ᠰᠤᠶᠣᠯ ᠤᠨ ᠦᠢᠯᠡᠴᠢᠯᠡᠭᠡ ᠶᠢᠨ ᠰᠢᠰᠲ᠋ᠧᠮᠵᠢ ᠶᠢ ᠪᠠᠷᠢᠮᠵᠢᠶᠠᠵᠢᠭᠤᠯᠬᠤ᠂ | ᠲᠡᠩᠴᠡᠭᠦᠷᠢᠵᠢᠭᠦᠯᠬᠦ ᠪᠦᠲᠦᠭᠡᠨ ᠪᠠᠶᠢᠭᠤᠯᠤᠯᠲᠠ ᠶᠢ ᠲᠦᠷᠬᠡᠳᠬᠡᠨ᠂ ᠣᠳᠣ ᠦᠶ᠎ᠡ ᠶᠢᠨ ᠰᠣᠶᠣᠯ ᠤᠨ ᠦᠢᠯᠡᠴᠢᠯᠡᠭᠡ ᠶᠢᠨ ᠰᠢᠰᠲ᠋ᠧᠮᠵᠢ ᠶᠢ ᠴᠤᠬᠴᠠᠯᠠᠬᠤ ᠶᠢᠨ | ᠬᠡᠷᠡᠭᠵᠢᠭᠦᠯᠬᠦ ᠰᠠᠨᠠᠯ ᠪᠣᠯᠣᠨ ᠣᠯᠠᠨ ᠨᠡᠶᠢᠲᠡ ᠶᠢᠨ ᠰᠤᠶᠤᠯ ᠤᠨ ᠦᠨᠳᠦᠰᠦᠨ ᠦᠢᠯᠡᠴᠢᠯᠡᠭᠡ ᠶᠢ ᠵᠢᠯᠤᠭᠤᠳᠬᠤ ᠪᠠᠷᠢᠮᠵᠢᠶ᠎ᠠ ᠶᠢ ᠨᠡᠶᠢᠳᠡᠯᠡᠨ᠎ᠡ᠃ ᠰᠤᠶᠤᠯ ᠤᠨ ᠮᠡᠳᠡᠭᠡ | ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠲᠣᠭᠠᠴᠢᠯᠠᠭᠰᠠᠨ ᠨᠣᠮ ᠤᠨ ᠰᠠᠩ ᠵᠡᠷᠭᠡ ᠰᠤᠶᠤᠯ ᠤᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ︽ | ᠲᠤᠭᠠᠴᠢᠯᠠᠭᠰᠠᠨ ᠰᠤᠶᠤᠯ ᠢ ᠮᠤᠩᠭᠤᠯ ᠭᠡᠷ ᠲᠤ ᠣᠷᠤᠭᠤᠯᠬᠤ︾ ᠢᠨᠵᠧᠨᠧᠷᠢᠩ ᠤᠨ ᠬᠠᠮᠤᠷᠬᠤ ᠬᠡᠪᠴᠢᠶ᠎ᠡ ᠶᠢ ᠦᠷᠭᠡᠳᠭᠡᠵᠦ᠂ ᠬᠢᠯᠢ ᠬᠢᠵᠠᠭᠠᠷ ᠤᠨ ᠬᠤᠰᠢᠭᠤ | ᠰᠢᠶᠠᠨ ᠨᠤᠭᠤᠳ ᠰᠣᠨᠢᠨ ᠮᠡᠳᠡᠭᠡ ᠬᠡᠪᠯᠡᠯ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠢᠶᠠᠷ ᠬᠢᠯᠢ ᠬᠢᠵᠠᠭᠠᠷ ᠢᠶᠠᠨ ᠪᠠᠬᠢᠵᠢᠬᠦᠯᠬᠦ ᠢᠨᠵᠧᠨᠧᠷᠢᠩ ᠢ ᠬᠡᠷᠡᠭᠵᠢᠭᠦᠯᠦᠨ᠂ | ᠦᠪᠡᠷᠲᠡᠭᠡᠨ ᠵᠠᠰᠠᠬᠤ ᠣᠷᠣᠨ ᠤ ᠲᠦᠷᠦᠭᠦᠦ ᠪᠦᠯᠦᠭ ᠣᠯᠠᠨ ᠨᠡᠶᠢᠲᠡ ᠶᠢᠨ ᠰᠤᠶᠤᠯ ᠤᠨ ᠵᠢᠱᠢᠶ᠎ᠡ ᠦᠵᠡᠭᠦᠯᠬᠦ ᠣᠷᠣᠨ ᠵᠢᠱᠢᠶ᠎ᠡ ᠦᠵᠡᠭᠦᠯᠬᠦ ᠲᠦᠷᠦᠯ | ᠵᠦᠢᠯ ᠤᠳ ᠤᠨ ᠡᠭᠦᠳᠦᠨ ᠪᠠᠶᠢᠭᠤᠯᠬᠤ ᠶᠢ ᠠᠬᠢᠭᠤᠯᠤᠨ᠎ᠠ᠃ ᠰᠣᠳᠣᠨ ᠪᠦᠲᠦᠭᠡᠯ ᠵᠤᠬᠢᠶᠠᠨ ᠪᠦᠲᠦᠭᠡᠵᠤ ᠲᠣᠭᠯᠠᠬᠤ ᠶᠢ ᠲᠡᠳᠭᠦᠵᠦ ᠬᠦᠲᠦᠯᠦᠨ ᠵᠢᠯᠤᠭᠤᠳᠬᠤ ᠪᠠᠨ | ᠴᠢᠩᠭᠠᠳᠬᠠᠵᠤ᠂ ︽ᠳᠤᠮᠳᠠᠳᠤ ᠶᠢᠨ ᠵᠡᠭᠦᠳᠦ︾ ᠶᠢᠨ ᠭᠤᠣᠯ ᠰᠡᠳᠦᠪᠲᠦ ᠤᠳᠬ᠎ᠠ ᠤᠷᠠᠯᠢᠭ ᠤᠨ ᠵᠤᠬᠢᠶᠠᠨ ᠪᠦᠲᠦᠭᠡᠬᠦ ᠠᠵᠢᠯᠯᠠᠭ᠎ᠠ ᠪᠠᠷ ᠠᠳᠬᠤᠴᠠ ᠪᠣᠯᠭᠠᠨ᠂ | ᠦᠪᠦᠷ ᠮᠤᠩᠭᠤᠯ ᠤᠨ ᠰᠤᠶᠤᠯ ᠤᠷᠠᠯᠢᠭ ᠤᠨ ᠤᠷᠲᠤ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠭᠤᠣᠯᠳᠠᠯᠭ᠎ᠠ ᠲᠠᠢ ᠲᠠᠶᠢᠰᠠᠨ ᠤ ᠵᠦᠴᠦᠭᠡ ᠶᠢᠨ | ᠰᠤᠳᠤᠨ ᠪᠦᠳᠦᠭᠡᠯ ᠢ ᠵᠤᠬᠢᠶᠠᠵᠤ ᠪᠦᠲᠦᠭᠡᠬᠦ᠂ ᠲᠠᠯ᠎ᠠ ᠨᠤᠲᠤᠭ ᠤᠨ ᠤᠷᠠᠨ ᠵᠣᠬᠢᠶᠠᠯ ᠤᠨ ᠰᠣᠳᠤᠨ ᠪᠦᠲᠦᠭᠡᠯ ᠵᠤᠬᠢᠶᠠᠬᠤ ᠪᠠ ᠮᠤᠩᠭᠤᠯ ᠬᠡᠯᠡᠨ ᠤ ᠰᠢᠯᠢᠳᠡᠭ ᠵᠣᠬᠢᠶᠠᠯ | ᠪᠦᠲᠦᠭᠡᠯ ᠤᠨ ᠣᠷᠴᠢᠭᠤᠯᠬᠤ ᠢᠨᠵᠧᠨᠧᠷᠢᠩ ᠢ ᠦᠷᠭᠦᠯᠵᠢᠯᠡᠨ ᠰᠠᠶᠢᠳᠤᠷ ᠠᠳᠬᠤᠨ᠎ᠠ᠃ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯᠡᠰ ᠪᠣᠳᠠᠰ ᠤᠨ ᠪᠤᠰᠤ | ᠰᠤᠶᠤᠯ ᠤᠨ ᠥᠪ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠦᠨᠳᠦᠰᠦᠲᠡᠨ ᠤ ᠰᠢᠯᠢᠳᠡᠭ ᠰᠤᠶᠤᠯ ᠢ ᠤᠯᠠᠮᠵᠢᠯᠠᠨ ᠬᠠᠮᠠᠭᠠᠯᠠᠬᠤ ᠪᠠ ᠰᠢᠨ᠎ᠡ | ᠡᠬᠦᠳᠦᠯᠳᠡ ᠲᠠᠢ ᠪᠠᠷ ᠬᠦᠭᠵᠢᠬᠦ ᠶᠢ ᠠᠬᠢᠭᠤᠯᠤᠨ᠎ᠠ᠃ ᠨᠡᠶᠢᠭᠡᠮ ᠤᠨ ᠰᠢᠨᠵᠢᠯᠡᠬᠦ ᠤᠬᠠᠭᠠᠨ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠵᠡᠷᠭᠡ ᠠᠵᠤ ᠦᠢᠯᠡᠰ ᠢ ᠴᠡᠴᠡᠭᠯᠡᠨ | ᠬᠥᠭᠵᠢᠭᠦᠯᠵᠦ᠂ ᠰᠢᠨ᠎ᠡ ᠮᠠᠶ᠋ᠢᠭ ᠤᠨ ᠵᠠᠭᠤᠴᠢᠯᠠᠭᠤᠷ ᠬᠢᠭᠡᠳ ᠤᠯᠠᠮᠵᠢᠯᠠᠯᠲᠤ ᠵᠠᠭᠤᠴᠢᠯᠠᠭᠤᠷ ᠢ ᠬᠠᠮᠲᠤᠷᠠᠯᠴᠠᠨ ᠬᠦᠳᠦᠯᠦᠯᠴᠡᠵᠦ ᠠᠭᠤᠰᠤᠯᠴᠠᠨ ᠬᠦᠭᠵᠢᠬᠦ ᠶᠢ | ᠠᠬᠢᠭᠤᠯᠤᠨ᠎ᠠ᠃ | ᠣᠨᠴᠠᠯᠢᠭ ᠪᠦᠬᠦᠢ ᠰᠤᠶᠤᠯ ᠤᠨ ᠠᠵᠤ ᠦᠢᠯᠡᠰ ᠤᠨ ᠬᠥᠭᠵᠢᠯᠲᠡ ᠶᠢ ᠢᠳᠡᠪᠬᠢᠲᠡᠢ ᠪᠠᠷ ᠠᠬᠢᠭᠤᠯᠤᠨ᠎ᠠ᠃ ᠰᠤᠶᠤᠯ ᠤᠨ ᠠᠵᠤ ᠦᠢᠯᠡᠰ ᠤᠨ | ᠤᠷᠳᠤᠪᠳᠤᠷ ᠪᠠ ᠤᠷᠲᠤ ᠬᠤᠭᠤᠴᠠᠭᠠᠨ ᠤ ᠬᠥᠭᠵᠢᠯᠲᠡ ᠶᠢᠨ ᠲᠦᠯᠦᠪᠵᠢᠭᠦᠯᠭᠡ ᠶᠢ ᠬᠡᠷᠡᠭᠵᠢᠭᠦᠯᠵᠦ᠂ ᠣᠨᠴᠠᠯᠢᠬᠵᠢᠭᠰᠠᠨ᠂ ᠵᠦᠷᠢᠶᠡᠵᠢᠭᠰᠡᠨ ᠬᠥᠭᠵᠢᠯᠲᠡ ᠶᠢ | ᠠᠬᠢᠭᠤᠯᠤᠨ᠎ᠠ᠃ ᠭᠤᠣᠯᠳᠠᠯᠭ᠎ᠠ ᠲᠠᠢ ᠰᠤᠶᠤᠯ ᠤᠨ ᠠᠵᠤ ᠦᠢᠯᠡᠰ ᠤᠨ ᠲᠦᠷᠦᠯ ᠵᠦᠢᠯ ᠤᠨ ᠬᠦᠮᠦᠷᠭᠡ ᠶᠢ ᠪᠦᠷᠢᠨᠰᠢᠭᠦᠯᠵᠦ᠂ ᠰᠤᠶᠤᠯ ᠤᠨ ᠠᠵᠤ ᠦᠢᠯᠡᠰ ᠤᠨ ᠭᠤᠣᠯ | ᠴᠤᠭᠴᠠ ᠶᠢ ᠪᠤᠶᠢᠵᠢᠭᠤᠯᠵᠤ᠂ ᠲᠤᠮᠤ ᠠᠵᠤ ᠠᠬᠤᠶᠢᠯᠠᠯ ᠶᠡᠭᠡ ᠲᠦᠷᠦᠯ ᠵᠦᠢᠯ ᠤᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠣᠨᠴᠠᠯᠢᠭ ᠪᠦᠬᠦᠢ | ᠳᠤᠮᠳᠠ ᠵᠢᠵᠢᠭ ᠪᠢᠴᠢᠯ ᠰᠤᠶᠤᠯ ᠤᠨ ᠠᠵᠤ ᠠᠬᠤᠶᠢᠯᠠᠯ ᠢ ᠲᠡᠳᠭᠦᠨ ᠬᠥᠭᠵᠢᠭᠦᠯᠵᠦ᠂ ᠭᠤᠣᠯᠯᠠᠬᠤ ᠦᠷᠢᠰᠦᠯᠳᠦᠬᠦ ᠬᠦᠴᠦᠨ ᠲᠠᠢ ᠨᠢᠭᠡ ᠪᠦᠯᠦᠭ ᠣᠨᠴᠠᠯᠢᠭ ᠪᠦᠬᠦᠢ | ᠰᠤᠶᠤᠯ ᠤᠨ ᠠᠵᠤ ᠠᠬᠤᠶᠢᠯᠠᠯ ᠪᠤᠯᠤᠨ ᠨᠡᠷᠡᠲᠦ ᠲᠡᠮᠲᠡᠭᠲᠦ ᠶᠢ ᠪᠣᠢ ᠪᠣᠯᠭᠠᠨ ᠣᠨᠴᠠᠯᠢᠭ ᠪᠦᠬᠦᠢ ᠨᠢᠭᠡ ᠪᠦᠯᠦᠭ ᠰᠤᠶᠤᠯ ᠤᠨ ᠵᠢᠭᠤᠯᠴᠢᠯᠠᠯ ᠤᠨ ᠲᠦᠷᠦᠯ ᠵᠦᠢᠯ ᠢ | ᠬᠦᠲᠦᠯᠦᠨ ᠵᠢᠯᠤᠭᠤᠳᠴᠤ ᠨᠡᠭᠡᠭᠡᠨ ᠬᠥᠭᠵᠢᠭᠦᠯᠦᠨ᠎ᠠ᠃ ᠦᠪᠡᠷᠲᠡᠭᠡᠨ ᠵᠠᠰᠠᠬᠤ ᠣᠷᠣᠨ ᠤ ᠰᠤᠶᠤᠯ ᠤᠨ ᠠᠵᠤ ᠦᠢᠯᠡᠰ ᠤᠨ ᠬᠥᠭᠵᠢᠯᠲᠡ ᠶᠢᠨ ᠪᠡᠯᠡ ᠣᠷᠤᠭᠤᠯᠤᠯᠲᠠ | ᠪᠡᠯᠡ ᠲᠣᠬᠢᠷᠠᠭᠤᠯᠭ᠎ᠠ ᠶᠢᠨ ᠲᠡᠪᠴᠡᠩ ᠢ ᠪᠠᠶᠢᠭᠤᠯᠵᠤ᠂ ᠰᠤᠶᠤᠯ ᠤᠨ ᠠᠵᠤ ᠦᠢᠯᠡᠰ ᠤᠨ ᠬᠥᠭᠵᠢᠯᠲᠡ ᠶᠢᠨ ᠲᠤᠰᠬᠠᠢ ᠲᠦᠷᠦᠯ ᠤᠨ ᠪᠡᠯᠡ ᠮᠦᠩᠭᠦ ᠶᠢᠨ ᠬᠡᠪᠴᠢᠶ᠎ᠡ ᠶᠢ | ᠦᠷᠭᠡᠳᠬᠡᠨ᠎ᠡ᠃ | ᠭᠠᠳᠠᠭᠠᠲᠤ ᠯᠤᠭ᠎ᠠ ᠶᠢᠨ ᠰᠤᠶᠤᠯ ᠤᠨ ᠰᠤᠯᠢᠯᠴᠠᠭ᠎ᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ ᠤᠯᠤᠰ ᠠᠴᠠ ᠡᠷᠬᠢᠯᠡᠭᠰᠡᠨ | ᠭᠠᠳᠠᠭᠠᠲᠤ ᠯᠤᠭ᠎ᠠ ᠶᠢᠨ ᠰᠤᠶᠤᠯ ᠤᠨ ᠰᠤᠯᠢᠯᠴᠠᠭᠠᠨ ᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠮᠠᠨ ᠤ ᠣᠷᠣᠨ ᠤ ᠦᠨᠳᠦᠰᠦᠲᠡᠨ ᠤ ᠰᠢᠯᠢᠳᠡᠭ ᠰᠤᠶᠤᠯ ᠤᠨ | ᠨᠡᠩ ᠰᠠᠶᠢᠨ ᠢᠶᠠᠷ ᠭᠠᠷᠴᠤ ᠶᠠᠪᠤᠬᠤ ᠶᠢ ᠠᠬᠢᠭᠤᠯᠤᠨ᠎ᠠ᠃ ᠦᠪᠡᠷᠲᠡᠭᠡᠨ ᠵᠠᠰᠠᠬᠤ ᠣᠷᠣᠨ ᠤ ᠭᠠᠳᠠᠭᠠᠲᠤ ᠤᠬᠠᠭᠤᠯᠭ᠎ᠠ ᠶᠢᠨ ᠠᠵᠢᠯ ᠢ ᠴᠢᠩᠭᠠᠳᠬᠠᠬᠤ ᠲᠣᠬᠠᠢ | ᠰᠠᠨᠠᠯ ᠤᠨ ᠱᠠᠭᠠᠷᠳᠠᠯᠭ᠎ᠠ ᠶᠤᠰᠤᠭᠠᠷ᠂ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠵᠤ᠂ ᠤᠷᠲᠤ ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠪᠠᠶᠢᠭᠤᠯᠵᠤ᠂ | ᠰᠣᠯᠢᠯᠴᠠᠨ ᠬᠠᠮᠲᠤᠷᠠᠯᠴᠠᠬᠤ ᠬᠦᠷᠢᠶ᠎ᠡ ᠴᠠᠷᠠᠭ᠎ᠠ ᠶᠢ ᠦᠷᠭᠡᠳᠭᠡᠨ᠂ ᠦᠭᠡ ᠬᠡᠯᠡᠨ ᠤ ᠰᠢᠰᠲ᠋ᠧᠮᠵᠢ ᠪᠣᠯᠣᠨ ᠢᠯᠡᠳᠭᠡᠬᠦ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ | ᠳᠤᠮᠳᠠᠳᠤ ᠶᠢᠨ ᠪᠣᠯᠣᠨ ᠦᠪᠦᠷ ᠮᠣᠩᠭᠤᠯ ᠤᠨ ᠦᠯᠢᠭᠡᠷ ᠲᠡᠤᠬᠡ ᠶᠢ ᠰᠠᠶᠢᠲᠤᠷ ᠲᠤᠭᠠᠴᠢᠨ ᠤᠬᠠᠭᠤᠯᠤᠨ᠎ᠠ᠃ ᠰᠤᠶᠤᠯ ᠤᠨ ᠦᠢᠯᠡᠳᠭᠦᠨ ᠪᠣᠯᠣᠨ ᠦᠢᠯᠡᠴᠢᠯᠡᠭᠡᠨ ᠤ | ᠭᠠᠳᠠᠭᠠᠲᠤ ᠭᠠᠷᠭᠠᠯᠲᠠ ᠶᠢ ᠦᠷᠭᠡᠳᠭᠡᠨ᠂ ᠲᠠᠯ᠎ᠠ ᠨᠤᠲᠤᠭ ᠤᠨ ᠰᠤᠶᠤᠯ ᠤᠨ ᠭᠠᠳᠠᠭᠠᠲᠤ ᠳᠠᠬᠢ ᠨᠦᠯᠦᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ | ︵ᠨᠠᠢᠮᠠ︶ ᠨᠡᠶᠢᠭᠡᠮ ᠤᠨ ᠦᠢᠯᠡᠰ ᠢ ᠶᠡᠬᠡᠪᠡᠷ ᠬᠥᠭᠵᠢᠭᠦᠯᠵᠦ᠂ ᠨᠡᠶᠢᠭᠡᠮ ᠤᠨ ᠵᠠᠰᠠᠯᠲᠠ ᠶᠢ ᠴᠢᠩᠭᠠᠳᠬᠠᠵᠤ ᠰᠢᠨ᠎ᠡ ᠶᠢ ᠡᠭᠦᠳᠦᠨ᠎ᠡ | ᠨᠡᠶᠢᠭᠡᠮ ᠤᠨ ᠡᠯ᠎ᠡ ᠵᠦᠢᠯ ᠤᠨ ᠦᠢᠯᠡᠰ ᠢ ᠳᠦᠷᠬᠡᠳᠬᠡᠨ ᠬᠦᠭᠵᠢᠬᠦᠯᠦᠨ᠎ᠡ᠃ ᠰᠤᠷᠭᠠᠨ ᠬᠦᠮᠦᠵᠢᠯ ᠤᠨ ᠣᠷᠣᠭᠤᠯᠤᠯᠲᠠ ᠶᠢ ᠦᠷᠭᠦᠯᠵᠢᠯᠡᠨ | ᠨᠡᠮᠡᠭᠳᠡᠭᠦᠯᠦᠨ᠎ᠠ᠃ ᠠᠯᠪᠠᠨ ᠵᠢᠷᠤᠮ ᠤᠨ ᠰᠤᠷᠭᠠᠨ ᠬᠦᠮᠦᠵᠢᠯ ᠢ ᠲᠡᠩᠴᠡᠭᠦᠷᠢᠲᠡᠢ ᠬᠥᠭᠵᠢᠭᠦᠯᠬᠦ ᠲᠣᠬᠠᠢ ᠦᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠰᠠᠨᠠᠯ ᠢ | ᠨᠠᠶᠢᠳᠠᠪᠤᠷᠢᠵᠢᠭᠤᠯᠤᠨ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠡᠩᠴᠡᠭᠦᠷᠢᠲᠡᠢ ᠬᠥᠭᠵᠢᠭᠦᠯᠬᠦ ᠬᠤᠰᠢᠭᠤ ᠰᠢᠶᠠᠨ ᠳᠠᠬᠢ ᠬᠠᠮᠤᠷᠬᠤ ᠬᠡᠪᠴᠢᠶ᠎ᠠ ᠶᠢ ᠥᠷᠭᠡᠳᠭᠡᠨ᠎ᠡ | ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ᠂ ᠦᠨᠳᠦᠰᠦᠲᠡᠨ ᠤ ᠰᠤᠷᠭᠠᠨ ᠬᠦᠮᠦᠵᠢᠯ᠂ ᠣᠨᠴᠤᠭᠤᠢ ᠰᠤᠷᠭᠠᠨ ᠬᠦᠮᠦᠵᠢᠯ᠂ ᠠᠷᠠᠳ ᠠᠴᠠ ᠡᠷᠬᠢᠯᠡᠭᠰᠡᠨ | ᠰᠤᠷᠭᠠᠨ ᠬᠦᠮᠦᠵᠢᠯ ᠪᠣᠯᠣᠨ ᠥᠷᠭᠦᠯᠵᠢᠯᠡᠭᠰᠡᠨ ᠰᠤᠷᠭᠠᠨ ᠬᠦᠮᠦᠵᠢᠯ ᠤᠨ ᠬᠥᠭᠵᠢᠯᠲᠡ ᠶᠢ ᠨᠢᠭᠡᠲᠦᠯᠲᠡᠢ ᠲᠦᠯᠦᠪᠯᠡᠨ ᠠᠬᠢᠭᠤᠯᠵᠤ᠂ ᠡᠩ ᠤᠨ ᠦᠨᠳᠦᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠣᠯᠠᠨ ᠶᠠᠩᠵᠤᠴᠢᠯᠠᠬᠤ᠂ ᠣᠨᠴᠠᠯᠢᠬᠵᠢᠭᠤᠯᠬᠤ ᠪᠠ ᠳᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠠᠭᠤᠯᠣᠭᠳᠠᠬᠤᠨᠲᠤ ᠮᠠᠶ᠋ᠢᠭ ᠤᠨ | ᠬᠦᠭᠵᠢᠯᠳᠡ ᠶᠢ ᠠᠬᠢᠭᠤᠯᠵᠤ᠂ ᠣᠳᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠰᠢᠰᠲ᠋ᠧᠮᠵᠢ ᠶᠢ ᠢᠳᠡᠪᠬᠢᠲᠡᠢ ᠪᠠᠷ ᠴᠤᠬᠴᠠᠯᠠᠬᠤ᠂ ᠰᠢᠯᠭᠠᠯᠲᠠ ᠪᠠᠷ | ᠰᠤᠷᠤᠭᠴᠢ ᠡᠯᠰᠡᠬᠦ ᠳᠦᠷᠢᠮ ᠤᠨ ᠦᠭᠡᠷᠡᠴᠢᠯᠡᠯᠲᠡ ᠶᠢᠨ ᠲᠣᠬᠠᠢ ᠦᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠠᠷᠭ᠎ᠠ ᠶᠢ ᠨᠡᠶᠢᠲᠡᠯᠡᠨ᠎ᠡ᠃ ᠡᠮ ᠡᠮᠨᠡᠯᠭᠡ ᠡᠷᠡᠭᠦᠯ | ᠬᠠᠮᠠᠭᠠᠯᠠᠯ ᠤᠨ ᠠᠵᠢᠯ ᠦᠢᠯᠡᠰ ᠤᠨ ᠬᠥᠭᠵᠢᠯᠲᠡ ᠶᠢ ᠶᠡᠬᠡᠪᠡᠷ ᠬᠦᠭᠵᠢᠬᠦᠯᠵᠦ᠂ ᠦᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠭᠤᠣᠯᠳᠠᠯᠭ᠎ᠠ ᠲᠠᠢ ᠡᠷᠡᠭᠦᠯ | ᠬᠠᠮᠠᠭᠠᠯᠠᠯ ᠤᠨ ᠲᠦᠷᠦᠯ ᠵᠦᠢᠯ ᠪᠣᠯᠣᠨ ᠠᠶᠢᠮᠠᠭ ᠬᠤᠲᠠ᠂ ᠬᠤᠰᠢᠭᠤ ᠰᠢᠶᠠᠨ ᠵᠢᠴᠢ ᠦᠨᠳᠦᠰᠦᠨ ᠱᠠᠲᠤᠨ ᠤ ᠡᠮᠴᠢᠯᠡᠭᠡ ᠶᠢᠨ ᠦᠢᠯᠡᠴᠢᠯᠡᠬᠦ ᠰᠢᠰᠲ᠋ᠧᠮᠵᠢ ᠶᠢᠨ | ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠂ ᠬᠤᠰᠢᠭᠤ ᠰᠢᠶᠠᠨ ᠤ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠦᠭᠡᠷᠡᠴᠢᠯᠡᠯᠲᠡ ᠶᠢ | ᠪᠦᠬᠦ ᠲᠠᠯ᠎ᠠ ᠪᠠᠷ ᠶᠠᠪᠤᠭᠳᠠᠭᠤᠯᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡ ᠶᠢᠨ ᠬᠦᠮᠦᠨ ᠪᠦᠷᠢ ᠶᠢᠨ ᠳᠤᠮᠳᠠᠴᠢ ᠵᠠᠷᠤᠳᠠᠯ ᠤᠨ | ᠪᠠᠷᠢᠮᠵᠢᠶ᠎ᠠ ᠶᠢ 40 ᠲᠦᠭᠦᠷᠢᠭ ᠪᠣᠯᠲᠠᠯ᠎ᠠ ᠳᠡᠭᠡᠭᠰᠢᠯᠡᠭᠦᠯᠦᠨ᠎ᠡ᠃ ᠡᠮ ᠤᠨ ᠵᠦᠢᠯ ᠤᠨ ᠦᠨᠳᠦᠰᠦᠨ ᠳᠦᠷᠢᠮ ᠪᠣᠯᠣᠨ ᠦᠨᠳᠦᠰᠦᠨ ᠱᠠᠲᠤᠨ ᠤ ᠠᠵᠢᠯᠯᠠᠭᠠᠨ ᠤ | ᠲᠣᠭᠲᠠᠴᠠ ᠶᠢ ᠦᠷᠭᠦᠯᠵᠢᠯᠡᠨ ᠪᠠᠬᠢᠵᠢᠭᠦᠯᠵᠦ᠂ ᠡᠮ ᠤᠨ ᠵᠦᠢᠯ ᠤᠨ ᠦᠨᠳᠦᠰᠦᠨ ᠳᠦᠷᠢᠮ ᠤᠨ ᠬᠡᠷᠡᠭᠵᠢᠭᠦᠯᠬᠦ ᠬᠡᠪᠴᠢᠶ᠎ᠡ ᠶᠢ ᠦᠷᠭᠡᠳᠭᠡᠨ᠎ᠡ᠃ ᠮᠣᠩᠭᠤᠯ ᠬᠢᠲᠠᠳ ᠡᠮ | ᠡᠮᠨᠡᠯᠭᠡ ᠶᠢᠨ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠡᠬᠢᠯᠡᠭᠦᠯᠵᠦ᠂ ᠮᠣᠩᠭᠤᠯ ᠡᠮ ᠡᠮᠨᠡᠯᠭᠡ ᠶᠢᠨ ᠪᠠᠷᠢᠮᠵᠢᠶᠠᠵᠢᠭᠰᠠᠨ ᠪᠦᠲᠦᠭᠡᠨ | ᠪᠠᠶᠢᠭᠤᠯᠤᠯᠲᠠ ᠶᠢ ᠲᠦᠷᠭᠡᠳᠭᠡᠨ᠎ᠡ᠃ ᠬᠦᠨᠳᠦ ᠡᠪᠡᠳᠴᠢᠨ ᠡᠮᠬᠡᠭ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠪᠦᠷᠢᠨᠰᠢᠭᠦᠯᠦᠨ᠎ᠡ᠃ ᠦᠨᠳᠦᠰᠦᠨ ᠱᠠᠳᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠴᠢᠳᠠᠪᠤᠷᠢᠳᠠᠨ ᠢ ᠬᠦᠮᠦᠵᠢᠬᠦᠯᠬᠦ ᠡᠷᠴᠢᠮ ᠢᠶᠠᠨ ᠴᠢᠩᠭᠠᠷᠠᠭᠤᠯᠵᠤ᠂ ᠤᠯᠠᠨ ᠨᠡᠶᠢᠳᠡ ᠶᠢᠨ ᠦᠨᠳᠦᠰᠦᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢᠨ ᠪᠠᠶᠢᠭᠤᠯᠤᠮᠵᠢ ᠶᠢᠨ | ᠳᠡᠩᠴᠡᠭᠦᠷᠢᠵᠢᠯ ᠢ ᠳᠦᠯᠬᠢᠨ ᠠᠬᠢᠭᠤᠯᠬᠤ ᠳᠤ ᠴᠢᠳᠠᠪᠤᠷᠢᠳᠠᠨ ᠤ ᠪᠠᠳᠤᠯᠠᠭ᠎ᠠ ᠬᠠᠨᠭ᠍ᠭᠠᠨ ᠦᠭᠬᠦᠨ᠎ᠡ᠃ ᠣᠷᠣᠯᠳᠤᠭᠠᠨ ᠤ ᠪᠡᠶ᠎ᠡ ᠶᠢᠨ ᠲᠠᠮᠢᠷ ᠬᠢᠭᠡᠳ ᠣᠯᠠᠨ ᠲᠦᠮᠡᠨ ᠤ | ᠪᠡᠶ᠎ᠡ ᠶᠢᠨ ᠲᠠᠮᠢᠷ ᠤᠨ ᠵᠣᠬᠢᠴᠠᠩᠭᠤᠢ ᠪᠠᠷ ᠬᠥᠭᠵᠢᠬᠦ ᠶᠢ ᠠᠬᠢᠭᠤᠯᠵᠤ᠂ ᠪᠡᠶ᠎ᠡ ᠶᠢᠨ ᠲᠡᠮᠢᠷ ᠤᠨ ᠠᠵᠤ ᠦᠢᠯᠡᠰ ᠤᠨ ᠬᠦᠭᠵᠢᠯᠳᠡ ᠶᠢᠨ ᠬᠢᠷᠢ ᠳᠦᠪᠰᠢᠨ ᠢ | ᠳᠡᠭᠡᠭᠰᠢᠯᠡᠬᠦᠯᠵᠦ᠂ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠴᠦᠬᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ | ᠰᠠᠶᠢᠲᠤᠷ ᠡᠷᠬᠢᠯᠡᠨ᠎ᠡ᠃ ᠬᠥᠯ ᠪᠦᠮᠪᠦᠭᠡ ᠶᠢᠨ ᠦᠢᠯᠡᠰ ᠤᠨ ᠬᠥᠭᠵᠢᠯᠲᠡ ᠶᠢᠨ ᠲᠦᠯᠦᠪᠵᠢᠭᠦᠯᠭᠡ ᠶᠢ ᠨᠠᠶᠢᠷᠠᠭᠤᠯᠤᠨ ᠭᠦᠢᠴᠡᠳᠬᠡᠵᠦ᠂ ᠤᠯᠤᠰ ᠤᠨ ︵ᠤᠮᠠᠷᠠᠲᠤ | ᠣᠷᠣᠨ︶ ᠬᠥᠯ ᠪᠦᠮᠪᠦᠭᠡ ᠶᠢᠨ ᠰᠤᠷᠢᠯᠳᠠ ᠶᠢᠨ ᠰᠠᠭᠤᠷᠢᠨ ᠭᠠᠵᠠᠷ ᠪᠣᠯᠣᠨ ᠤᠯᠤᠰ ᠤᠨ ︵ᠤᠮᠠᠷᠠᠲᠤ ᠣᠷᠣᠨ︶ ᠵᠠᠯᠠᠭᠤᠴᠤᠳ ᠪᠠᠭᠠᠴᠤᠳ ᠤᠨ ᠬᠥᠯ ᠪᠦᠮᠪᠦᠭᠡ ᠶᠢᠨ | ᠵᠤᠰᠠᠯᠠᠩ ᠤᠨ ᠠᠵᠢᠯᠯᠠᠭᠠᠨ ᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ᠲᠦᠯᠦᠪᠯᠡᠭᠡᠲᠦ ᠦᠷᠡᠵᠢᠯ ᠤᠨ ᠲᠠᠯ᠎ᠠ ᠪᠠᠷ ᠬᠢ ᠤᠯᠤᠰ ᠤᠨ ᠦᠨᠳᠦᠰᠦᠨ | ᠪᠣᠳᠣᠯᠭ᠎ᠠ ᠶᠢ ᠪᠠᠷᠢᠮᠲᠠᠯᠠᠵᠤ᠂ ᠳᠦᠷᠦᠭᠰᠡᠨ ᠬᠦᠮᠦᠨ ᠠᠮᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠬᠦᠮᠦᠨ ᠠᠮᠠ ᠶᠢᠨ ᠤᠷᠲᠤ ᠬᠤᠭᠤᠴᠠᠭᠠᠨ ᠤ | ᠲᠡᠩᠴᠡᠭᠦᠷᠢᠲᠡᠢ ᠬᠥᠭᠵᠢᠯᠲᠡ ᠶᠢ ᠠᠬᠢᠭᠤᠯᠤᠨ᠎ᠠ᠃ ᠡᠮᠡᠭᠲᠡᠶᠢᠴᠦᠳ ᠬᠡᠦᠬᠡᠳ᠂ ᠦᠳᠡᠬᠦᠰ ᠤᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠤᠨ᠎ᠠ᠃ | ᠦᠨᠳᠦᠰᠦᠲᠡᠨ ᠱᠠᠰᠢᠨ ᠰᠤᠷᠲᠠᠬᠤᠨ ᠤ ᠠᠵᠢᠯ ᠢ ᠦᠨᠡᠨᠬᠦ ᠰᠠᠶᠢᠲᠤᠷ ᠠᠳᠬᠤᠨ᠎ᠠ᠃ ᠦᠨᠳᠦᠰᠦᠳᠡᠨ ᠤ ᠠᠰᠠᠭᠤᠳᠠᠯ ᠢ ᠰᠢᠢᠳᠪᠦᠷᠢᠯᠡᠬᠦ ᠳᠤᠮᠳᠠᠳᠤ | ᠤᠯᠤᠰ ᠤᠨ ᠤᠨᠴᠠᠯᠢᠬ ᠪᠦᠬᠦᠢ ᠵᠦᠪ ᠤᠨᠤᠪᠴᠢᠳᠠᠢ ᠵᠠᠮ ᠢᠶᠠᠷ ᠡᠷᠡᠰ ᠰᠢᠭᠤᠷᠬᠠᠢ ᠵᠠᠮᠨᠠᠵᠤ᠂ ᠦᠨᠳᠦᠰᠦᠲᠡᠨ ᠤ ᠠᠵᠢᠯ ᠤᠨ ᠲᠤᠬᠠᠢ ᠨᠠᠮ ᠤᠨ ᠳᠦᠷᠦ ᠶᠢᠨ | ᠪᠤᠳᠤᠯᠭ᠎ᠠ ᠶᠢ ᠪᠦᠬᠦ ᠳᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠣᠷᠣᠨ ᠤ ᠦᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ | ᠲᠡᠭᠦᠯᠳᠡᠷᠵᠢᠭᠦᠯᠵᠦ᠂ ᠦᠨᠳᠦᠰᠦᠳᠡᠨ ᠨᠦᠭᠦᠳ ᠤᠨ ᠬᠤᠭᠤᠷᠤᠨᠳᠤ ᠬᠢ ᠶᠠᠪᠤᠯᠴᠠᠭ᠎ᠠ ᠰᠤᠯᠢᠯᠴᠠᠭ᠎ᠠ ᠤᠶᠠᠯᠳᠤᠯ ᠢ ᠪᠠᠷᠢᠮᠳᠠᠯᠠᠨ᠂ ᠪᠠᠷᠭᠠᠯᠠᠨ ᠰᠠᠬᠢᠵᠤ ᠬᠠᠷᠢᠯᠴᠠᠨ | ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ ᠪᠠᠶᠢᠭᠠᠳ ︽ᠳᠥᠷᠪᠠᠨ ᠬᠠᠮᠲᠤ ᠶᠢᠨ ᠲᠠᠨᠢᠯᠲᠠ︾ ᠪᠠ ︽ᠭᠤᠷᠪᠠᠨ ᠰᠠᠯᠵᠤ ᠪᠣᠯᠣᠰᠢ ᠦᠭᠡᠢ︾ ᠦᠵᠡᠯ ᠰᠠᠨᠠᠭ᠎ᠠ ᠶᠢ | ᠬᠦᠮᠦᠰ ᠤᠨ ᠰᠡᠳᠬᠢᠯ ᠳᠤ ᠭᠦᠨ ᠬᠠᠳᠠᠩᠰᠢᠭᠤᠯᠤᠨ᠎ᠠ᠃ ᠬᠦᠭᠵᠢᠯᠳᠡ ᠪᠠᠷ ᠦᠨᠳᠦᠰᠦᠳᠡᠨ ᠤ ᠠᠰᠠᠭᠤᠳᠠᠯ ᠢ ᠰᠢᠢᠳᠪᠦᠷᠢᠯᠡᠬᠦ ᠶᠢᠨ ᠦᠨᠳᠦᠰᠦᠨ ᠠᠷᠭ᠎ᠠ ᠵᠠᠮ ᠪᠤᠯᠭᠠᠵᠤ᠂ | ᠴᠦᠭᠡᠨ ᠳᠤᠭᠠᠳᠤ ᠦᠨᠳᠦᠰᠦᠳᠡᠨ ᠪᠤᠯᠤᠨ ᠦᠨᠳᠦᠰᠦᠲᠡᠨ ᠨᠦᠭᠦᠳ ᠤᠨ ᠳᠦᠪᠯᠡᠷᠡᠨ ᠰᠠᠭᠤᠷᠢᠰᠢᠵᠦ ᠪᠠᠶᠢᠭ᠎ᠠ ᠭᠠᠵᠠᠷ ᠤᠷᠤᠨ ᠤ ᠬᠦᠭᠵᠢᠯᠳᠡ ᠶᠢ ᠬᠦᠴᠦᠳᠠᠢ | ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠴᠤᠬᠴᠠᠯᠠᠬᠤ ᠠᠯᠬᠤᠴᠠ ᠶᠢ ᠳᠦᠷᠬᠡᠳᠬᠡᠨ᠎ᠡ᠃ ᠬᠢᠯᠢ ᠬᠢᠵᠠᠭᠠᠷ ᠢᠶᠠᠨ ᠬᠥᠭᠵᠢᠭᠦᠯᠦᠨ ᠠᠷᠠᠳ ᠢᠶᠠᠨ | ᠪᠠᠶᠠᠵᠢᠭᠤᠯᠬᠤ ᠠᠵᠢᠯᠯᠠᠭ᠎ᠠ ᠶᠢ ᠯᠠᠪᠳᠠᠭᠤᠨ ᠠᠬᠢᠭᠤᠯᠵᠤ᠂ ᠬᠦᠮᠦᠨ ᠠᠮᠠ ᠪᠠᠷ ᠨᠡᠯᠢᠶᠡᠳ ᠴᠦᠬᠡᠨ ᠪᠠᠶᠢᠭ᠎ᠠ ᠦᠨᠳᠦᠰᠦᠲᠡᠨ ᠤ ᠬᠥᠭᠵᠢᠯᠲᠡ ᠶᠢ ᠲᠡᠳᠬᠦᠨ᠎ᠡ᠃ | ᠬᠤᠳᠠ ᠶᠢᠨ ᠦᠨᠳᠦᠰᠦᠳᠡᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠎ᠠ᠃ ᠮᠤᠩᠭᠤᠯ ᠬᠡᠯᠡ ᠦᠰᠦᠭ ᠪᠢᠴᠢᠭ ᠢ ᠳᠦᠷᠢᠮᠵᠢᠬᠦᠯᠦᠨ ᠬᠡᠷᠡᠭᠯᠡᠬᠦ ᠳᠤ ᠬᠢᠨᠠᠨ | ᠬᠠᠮᠢᠶᠠᠷᠬᠤ ᠡᠷᠴᠢᠮ ᠢᠶᠠᠨ ᠴᠢᠩᠭᠠᠷᠭᠤᠯᠵᠤ᠂ ᠮᠣᠩᠭᠤᠯ ᠬᠡᠯᠡ ᠪᠢᠴᠢᠭ ᠤᠨ ᠬᠠᠤᠯᠢᠵᠢᠬᠤ᠂ ᠵᠢᠷᠤᠮᠵᠢᠬᠤ᠂ ᠪᠠᠷᠢᠮᠵᠢᠶᠠᠵᠢᠬᠤ ᠪᠠ ᠮᠡᠳᠡᠭᠡ ᠵᠠᠩᠭᠢᠵᠢᠭᠤᠯᠬᠤ ᠪᠦᠲᠦᠭᠡᠨ | ᠪᠠᠶᠢᠭᠤᠯᠤᠯᠲᠠ ᠶᠢ ᠳᠦᠯᠬᠢᠨ ᠠᠬᠢᠭᠤᠯᠤᠨ᠎ᠠ᠃ ᠱᠠᠰᠢᠨ ᠰᠤᠷᠲᠠᠬᠤᠨ ᠤ ᠠᠵᠢᠯ ᠤᠨ ᠲᠤᠬᠠᠢ ᠨᠠᠮ ᠤᠨ ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ | ᠠᠵᠤ ᠠᠬᠤᠢ ᠨᠡᠶᠢᠭᠡᠮ ᠤᠨ ᠬᠥᠭᠵᠢᠯᠲᠡ ᠳᠠᠬᠢ ᠱᠠᠰᠢᠨ ᠰᠤᠷᠲᠠᠬᠤᠨ ᠤ ᠡᠲᠡᠭᠡᠳ ᠤᠨ ᠬᠢᠨ ᠪᠣᠯᠣᠨ ᠱᠠᠰᠢᠨ ᠰᠢᠳᠦᠭᠴᠢ ᠣᠯᠠᠨ ᠲᠦᠮᠡᠨ ᠤ ᠢᠳᠡᠪᠬᠢ ᠦᠢᠯᠡᠳᠦᠯ ᠢ | ᠪᠠᠳᠠᠷᠠᠭᠤᠯᠤᠨ᠎ᠠ᠃ | ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ ᠣᠯᠠᠨ ᠲᠦᠮᠡᠨ ᠤ ᠲᠤᠰ ᠪᠡᠶ᠎ᠡ ᠶᠢᠨ ᠠᠰᠢᠭ | ᠲᠤᠰᠠ ᠶᠢ ᠬᠠᠮᠠᠭᠠᠯᠠᠬᠤ ᠲᠠᠢ ᠬᠤᠯᠪᠣᠭᠳᠠᠬᠤ ᠳᠦᠷᠢᠮ ᠢ ᠲᠡᠭᠦᠯᠳᠡᠷᠵᠢᠭᠦᠯᠵᠦ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠤᠭᠳᠠᠭᠠᠵᠦ ᠨᠡᠶᠢᠭᠡᠮ ᠤᠨ ᠲᠣᠭᠲᠠᠭᠤᠨ ᠤ | ᠲᠠᠯ᠎ᠠ ᠪᠠᠷ ᠬᠢ ᠠᠶᠤᠯ ᠲᠥᠭᠰᠢᠭᠦᠷᠢ ᠶᠢ ᠦᠨᠡᠯᠡᠨ ᠵᠢᠱᠢᠬᠦ ᠲᠣᠭᠲᠠᠴᠠ ᠶᠢ ᠴᠢᠩᠭ᠎ᠠ ᠬᠡᠷᠡᠭᠵᠢᠭᠦᠯᠦᠨ᠎ᠡ᠃ ᠬᠦᠳᠡᠯᠮᠦᠷᠢ ᠶᠢᠨ ᠬᠠᠷᠢᠴᠠᠭ᠎ᠠ ᠶᠢ ᠵᠣᠬᠢᠴᠠᠭᠤᠯᠬᠤ | ᠲᠣᠭᠲᠠᠴᠠ ᠪᠠᠨ ᠪᠦᠷᠢᠨᠰᠢᠬᠦᠯᠵᠦ᠂ ᠠᠵᠤ ᠠᠬᠤᠶᠢᠯᠠᠯ ᠤᠨ ᠠᠵᠢᠯᠲᠠᠨ ᠬᠡᠷᠡᠭᠯᠡᠬᠦ ᠡᠮᠬᠢ ᠵᠢᠷᠤᠮ ᠢ ᠵᠢᠷᠤᠮᠵᠢᠭᠤᠯᠤᠨ᠂ ᠮᠠᠯᠴᠢᠨ ᠳᠠᠷᠢᠶᠠᠴᠢᠨ ᠬᠦᠴᠦ ᠶᠠᠪᠤᠬᠰᠠᠳ ᠲᠤ | ᠴᠠᠯᠢᠩ ᠢ ᠨᠢ ᠦᠷᠢᠳᠦᠵᠦ ᠪᠠᠶᠢᠭ᠎ᠠ ᠠᠰᠠᠭᠤᠳᠠᠯ ᠢ ᠬᠢᠨᠠᠮᠠᠭᠠᠢ ᠰᠢᠢᠳᠪᠦᠷᠢᠯᠡᠵᠦ᠂ ᠬᠦᠳᠡᠯᠮᠦᠷᠢᠴᠢᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠎ᠠ᠃ ᠨᠡᠶᠢᠭᠡᠮ | ᠲᠣᠭᠤᠷᠢᠭ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠨᠡᠶᠢᠭᠡᠮ ᠲᠣᠭᠤᠷᠢᠭ ᠤᠨ ᠵᠠᠰᠠᠵᠦ ᠦᠢᠯᠡᠴᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠭᠠᠴᠠᠭ᠎ᠠ | ᠲᠤᠰᠬᠤᠨ ᠤ ᠠᠷᠠᠳ ᠤᠨ ᠵᠦᠪᠯᠡᠯ ᠤᠨ ᠬᠤᠭᠤᠴᠠᠭ᠎ᠠ ᠰᠤᠯᠢᠬᠤ ᠠᠵᠢᠯ ᠢ ᠬᠠᠤᠯᠢ ᠶᠤᠰᠤᠭᠠᠷ ᠰᠠᠶᠢᠳᠤᠷ ᠬᠢᠨ᠎ᠡ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ | ᠪᠦᠲᠦᠭᠡᠨ ᠪᠠᠶᠢᠭᠤᠯᠤᠯᠲᠠ ᠶᠢ ᠳᠦᠷᠬᠡᠳᠬᠡᠨ᠂ ᠪᠦᠬᠦ ᠨᠡᠶᠢᠭᠡᠮ ᠢ ᠬᠠᠮᠤᠷᠠᠭᠰᠠᠨ ᠢᠲᠡᠭᠡᠮᠵᠢ ᠣᠯᠬᠤ ᠰᠢᠰᠲ᠋ᠧᠮᠵᠢ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠵᠠᠬᠢᠳᠠᠯ | ᠰᠤᠷᠪᠤᠯᠵᠢᠯᠠᠯ ᠢ ᠬᠠᠤᠯᠢ ᠪᠠᠷ ᠵᠠᠰᠠᠬᠤ ᠵᠠᠮ ᠳᠤ ᠣᠷᠤᠭᠤᠯᠵᠤ᠂ ᠡᠷᠬᠡ ᠪᠠᠨ ᠬᠠᠤᠯᠢ ᠶᠤᠰᠤᠭᠠᠷ ᠬᠠᠮᠠᠭᠠᠯᠠᠬᠤ ᠪᠠ ᠵᠢᠭᠤᠷᠠᠭᠠᠨ ᠢ ᠠᠷᠢᠯᠭᠠᠬᠤ ᠲᠣᠭᠲᠠᠴᠠ ᠶᠢ | ᠪᠦᠷᠢᠨᠰᠢᠭᠦᠯᠦᠨ᠂ ᠭᠠᠵᠠᠷ ᠰᠢᠷᠤᠢ ᠲᠠᠲᠠᠪᠤᠷᠢᠯᠠᠨ ᠭᠡᠷ ᠪᠠᠶᠢᠰᠢᠩ ᠨᠤᠷᠠᠭᠠᠵᠤ ᠨᠡᠭᠦᠯᠭᠡᠬᠦ᠂ ᠬᠦᠳᠡᠯᠮᠦᠷᠢ ᠨᠡᠶᠢᠭᠡᠮ ᠤᠨ ᠪᠠᠲᠤᠯᠠᠭ᠎ᠠ᠂ ᠡᠬᠢ ᠪᠠᠶᠠᠯᠢᠭ ᠤᠨ ᠨᠡᠭᠡᠭᠡᠯᠲᠡ᠂ | ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠭᠤᠣᠯᠳᠠᠯᠭ᠎ᠠ ᠲᠠᠢ ᠬᠦᠷᠢᠶ᠎ᠠ ᠴᠠᠷᠠᠭ᠎ᠠ ᠳᠠᠬᠢ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃ | ︽ᠠᠮᠤᠭᠤᠯᠠᠩ ᠲᠠᠶᠢᠪᠣᠩ ᠦᠪᠦᠷ ᠮᠣᠩᠭᠤᠯ︾ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠨᠡᠶᠢᠭᠡᠮ ᠤᠨ ᠠᠮᠦᠷ ᠲᠥᠪᠰᠢᠨ ᠢ ᠶᠡᠷᠦᠩᠬᠡᠶᠢᠯᠡᠨ | ᠵᠠᠰᠠᠬᠤ ᠪᠠᠨ ᠴᠢᠩᠭᠠᠳᠬᠠᠨ᠂ ᠪᠣᠰᠤᠭ᠎ᠠ ᠴᠣᠭᠴᠠᠵᠠᠲᠤ ᠨᠡᠶᠢᠭᠡᠮ ᠤᠨ ᠠᠮᠥᠷ ᠲᠥᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠲᠦᠷᠭᠡᠳᠭᠡᠨ ᠲᠡᠭᠦᠯᠳᠡᠷᠵᠢᠭᠦᠯᠵᠦ᠂ | ᠡᠯ᠎ᠡ ᠲᠦᠷᠦᠯ ᠤᠨ ᠬᠠᠤᠯᠢ ᠠᠴᠠ ᠵᠦᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠤᠰᠤᠭᠠᠷ ᠴᠢᠩᠭ᠎ᠠ ᠴᠣᠬᠢᠯᠲᠠ ᠥᠭᠴᠦ᠂ ᠨᠢᠭᠤᠴᠠ ᠹᠷᠣᠨᠲ ᠤᠨ ᠠᠵᠢᠯ ᠪᠠ | ᠳᠠᠶᠢᠰᠤᠩᠨᠠᠭᠴᠢ ᠡᠲᠡᠭᠡᠳ ᠯᠦᠭᠡ ᠲᠡᠮᠡᠴᠡᠬᠦ ᠠᠵᠢᠯ ᠢ ᠰᠠᠶᠢᠲᠤᠷ ᠬᠢᠵᠦ᠂ ᠨᠡᠶᠢᠭᠡᠮ ᠤᠨ ᠪᠦᠬᠦ ᠲᠠᠯ᠎ᠠ ᠶᠢᠨ ᠲᠣᠭᠲᠠᠭᠤᠨ ᠢ ᠬᠠᠮᠠᠭᠠᠯᠠᠨ᠎ᠠ᠃ ᠰᠦᠯᠵᠢᠶ᠎ᠡ ᠶᠢᠨ ᠬᠢᠨᠠᠯᠳᠠ | ᠬᠠᠮᠢᠶᠠᠷᠤᠯᠳᠠ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠦᠲᠦᠯᠦᠨ ᠵᠢᠯᠤᠭᠤᠳᠬᠤ ᠪᠠᠨ ᠴᠢᠩᠭᠠᠳᠬᠠᠵᠤ᠂ ᠢᠨᠲ᠋ᠧᠷᠨᠧᠲ ᠰᠦᠯᠵᠢᠶ᠎ᠠ ᠶᠢᠨ ᠠᠵᠢᠯᠯᠠᠭᠠᠨ ᠤ ᠠᠮᠦᠷ | ᠲᠥᠪᠰᠢᠨ ᠢ ᠪᠠᠲᠤᠯᠠᠨ᠎ᠠ᠃ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭᠠᠷᠠᠭᠤᠯᠵᠦ᠂ ᠠᠭᠤᠷᠬᠠᠢ ᠶᠢᠨ ᠦᠢᠯᠡᠳᠪᠦᠷᠢᠯᠡᠯ᠂ ᠵᠠᠮ | ᠬᠠᠷᠢᠯᠴᠠᠭ᠎ᠠ ᠲᠡᠭᠡᠭᠡᠪᠦᠷᠢ᠂ ᠠᠶᠤᠯᠲᠠᠢ ᠬᠢᠮᠢ ᠶᠢᠨ ᠵᠦᠢᠯ ᠵᠡᠷᠭᠡ ᠬᠦᠷᠢᠶ᠎ᠡ ᠴᠠᠷᠠᠭ᠎ᠠ ᠶᠢᠨ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠨ᠂ | ᠲᠣᠮᠣ ᠬᠡᠪᠴᠢᠶᠡᠨ ᠤ ᠠᠵᠢᠯᠯᠠᠭ᠎ᠠ ᠶᠢᠨ ᠠᠮᠦᠷ ᠢ ᠬᠠᠮᠠᠭᠠᠯᠠᠬᠤ ᠬᠠᠷᠢᠭᠤᠴᠠᠯᠭ᠎ᠠ ᠪᠣᠯᠣᠨ ᠠᠷᠭ᠎ᠠ ᠬᠡᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠯ ᠰᠡᠷᠭᠡᠶᠢᠯᠡᠬᠦ ᠠᠮᠥᠷ | ᠲᠥᠪᠰᠢᠨ ᠤ ᠬᠠᠮᠢᠶᠠᠷᠤᠯᠲᠠ ᠶᠢ ᠴᠢᠩᠭᠠᠳᠬᠠᠨ᠂ ᠳᠠᠯᠳᠠ ᠠᠶᠤᠯ ᠢ ᠵᠢᠭᠰᠠᠭᠠᠨ ᠪᠠᠶᠢᠴᠠᠭᠠᠬᠤ ᠪᠠ ᠲᠤᠰᠬᠠᠶᠢᠯᠠᠨ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠵᠤ᠂ | ᠡᠯ᠎ᠡ ᠲᠦᠷᠦᠯ ᠤᠨ ᠣᠨᠴᠤᠭᠤᠢ ᠬᠦᠨᠳᠦ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ᠎ᠡ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠳᠠ | ᠬᠠᠮᠢᠶᠠᠷᠤᠯᠳᠠ ᠶᠢ ᠴᠢᠩᠭᠠᠷᠠᠭᠤᠯᠵᠤ᠂ ᠢᠳᠡᠭᠡᠨ ᠪᠠ ᠡᠮ ᠤᠨ ᠵᠦᠢᠯ ᠤᠨ ᠬᠠᠤᠯᠢ ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠳᠤ ᠬᠠᠤᠯᠢ ᠶᠤᠰᠤᠭᠠᠷ ᠬᠦᠨᠳᠦ ᠮᠦᠷᠳᠡᠭᠡᠨ | ᠳᠦᠷᠭᠡᠨ ᠴᠤᠬᠢᠯᠳᠠ ᠦᠭᠬᠦᠨ᠎ᠡ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠳᠠ ᠶᠢ ᠴᠢᠩᠭᠠᠳᠬᠠᠵᠤ᠂ ᠭᠠᠮᠰᠢᠬ ᠢ ᠰᠡᠷᠬᠡᠶᠢᠯᠡᠬᠦ ᠪᠠ ᠪᠠᠭᠠᠰᠬᠠᠬᠤ ᠴᠢᠳᠠᠪᠤᠷᠢ ᠪᠠᠨ | ᠳᠡᠭᠡᠭᠰᠢᠯᠡᠭᠦᠯᠦᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠤᠳᠤᠬᠢᠴᠢᠯᠠᠯᠳᠠ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠣᠯᠣᠨ ᠪᠡᠯᠡᠳᠭᠡᠯ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ | ᠪᠠ ᠴᠡᠷᠢᠭ ᠠᠷᠠᠳ ᠤᠨ ᠤᠶᠠᠯᠳᠤᠨ ᠬᠥᠭᠵᠢᠬᠦ ᠶᠢ ᠳᠦᠯᠬᠢᠨ ᠠᠬᠢᠭᠤᠯᠤᠨ᠎ᠠ᠃ | ︵ᠶᠢᠰᠦ︶ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠢᠳᠡᠪᠬᠢᠳᠠᠢ ᠠᠬᠢᠭᠤᠯᠵᠤ᠂ ᠠᠮᠢ ᠠᠬᠤᠢ ᠶᠢᠨ ᠠᠮᠦᠷ ᠲᠥᠪᠰᠢᠨ ᠤ ᠬᠠᠯᠬᠠᠪᠴᠢ ᠶᠢ | ᠤᠯᠠᠮ ᠨᠢᠭᠡ ᠠᠯᠬᠤᠮ ᠪᠠᠬᠢᠵᠢᠭᠦᠯᠦᠨ᠎ᠡ | ᠠᠮᠢ ᠠᠬᠤᠢ ᠶᠢᠨ ᠬᠠᠮᠠᠭᠠᠯᠠᠯᠲᠠ ᠪᠠ ᠪᠠᠶᠢᠭᠤᠯᠤᠯᠲᠠ ᠶᠢ ᠬᠦᠴᠦᠯᠡᠨ ᠴᠢᠩᠭᠠᠳᠬᠠᠨ᠎ᠠ᠃ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ | ᠳᠦᠷᠢᠮ ᠢ ᠴᠢᠩᠭ᠎ᠠ ᠬᠡᠷᠡᠭᠵᠢᠬᠦᠯᠵᠦ᠂ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠪᠠ ᠱᠠᠲᠤ ᠦᠶᠡᠯᠡᠯ ᠤᠨ ᠴᠢᠨᠠᠷᠲᠠᠢ ᠪᠠᠷ ᠮᠠᠯᠵᠢᠬᠤ ᠶᠢ ᠵᠣᠭᠰᠣᠭᠠᠵᠤ᠂ | ᠪᠡᠯᠴᠢᠭᠡᠷ ᠦᠨᠵᠢᠬᠦᠯᠬᠦ᠂ ᠪᠡᠯᠴᠢᠭᠡᠷ ᠡᠭᠡᠯᠵᠢᠯᠡᠬᠦ ᠠᠷᠭ᠎ᠠ ᠬᠡᠮᠵᠢᠶ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠨᠦᠬᠦᠪᠦᠷᠢ | ᠥᠭᠴᠦ ᠱᠠᠩᠨᠠᠬᠤ ᠲᠣᠭᠲᠠᠴᠠ ᠶᠢ ᠦᠷᠭᠦᠯᠵᠢᠯᠡᠨ ᠬᠡᠷᠡᠭᠵᠢᠭᠦᠯᠵᠦ᠂ 4000 ᠲᠦᠮᠡᠨ ᠮᠦ ᠠᠴᠠ ᠳᠡᠭᠡᠭᠰᠢᠬᠢ ᠳᠠᠯᠠᠪᠠᠢ ᠶᠢᠨ ᠨᠤᠲᠤᠭ ᠪᠡᠯᠴᠢᠭᠡᠷ ᠤᠨ ᠪᠠᠶᠢᠭᠤᠯᠤᠯᠲᠠ ᠶᠢ 365赢多少钱会被限额_国内有真正的365平台吗_365bet博彩官网 | ᠪᠡᠶᠡᠯᠡᠭᠦᠯᠬᠦ ᠪᠠᠨ ᠦᠨᠡᠨᠬᠦ ᠪᠠᠲᠤᠯᠠᠨ᠎ᠠ᠃ ᠪᠠᠶᠢᠭᠠᠯᠢ ᠶᠢᠨ ᠣᠢ ᠰᠢᠭᠤᠢ ᠶᠢᠨ ᠬᠠᠮᠠᠭᠠᠯᠠᠯᠲᠠ ᠪᠡᠭᠡᠵᠢᠩ ᠳᠢᠶᠠᠨᠵᠢᠨ ᠤ ᠡᠷᠬᠢᠨ ᠳᠤᠭᠤᠷᠢᠨ ᠤ ᠡᠯᠡᠰᠦᠨ ᠤ ᠡᠬᠢ ᠶᠢ | ᠵᠠᠰᠠᠬᠤ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ 1000 ᠲᠦᠮᠡᠨ ᠮᠦ ᠳᠠᠯᠠᠪᠠᠢ ᠶᠢᠨ ᠣᠢ | ᠰᠢᠭᠤᠢ ᠶᠢᠨ ᠠᠮᠢ ᠠᠬᠤᠢ ᠶᠢᠨ ᠪᠠᠶᠢᠭᠤᠯᠤᠯᠲᠠ᠂ 200 ᠲᠦᠮᠡᠨ ᠮᠦ ᠭᠤᠣᠯᠳᠠᠯᠭ᠎ᠠ ᠲᠠᠢ ᠣᠷᠣᠨ ᠤ ᠨᠣᠭᠤᠭᠠᠷᠠᠭᠤᠯᠤᠯᠲᠠ ᠶᠢ ᠪᠡᠶᠡᠯᠡᠭᠦᠯᠦᠨ᠎ᠡ᠃ ᠤᠰᠤ ᠰᠢᠷᠤᠢ ᠶᠢᠨ | ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠵᠤ 650 ᠲᠦᠮᠡᠨ ᠮᠦ ᠳᠠᠯᠠᠪᠠᠢ ᠶᠢᠨ ᠬᠦᠷᠦᠰᠦ ᠰᠢᠷᠤᠢ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠪᠠᠨ | ᠪᠡᠶᠡᠯᠡᠬᠦᠯᠦᠨ᠎ᠠ᠃ ᠬᠦᠯᠦᠨ ᠨᠠᠭᠤᠷ ᠪᠣᠯᠣᠨ ᠤᠯᠠᠭᠠᠨᠰᠤᠬᠠᠢ ᠨᠠᠭᠤᠷ ᠤᠨ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ᠂ ᠠᠮᠢ ᠠᠬᠤᠢ ᠶᠢᠨ ᠴᠢᠳᠠᠪᠬᠢ ᠣᠷᠣᠨ ᠪᠠ ᠤᠰᠤᠯᠢᠬ ᠨᠤᠭᠤ ᠭᠠᠵᠠᠷ᠂ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠶᠢ | ᠴᠢᠩᠭᠠᠳᠬᠠᠨ᠂ ᠣᠢ ᠰᠢᠭᠤᠢ᠂ ᠡᠯᠡᠰᠦ᠂ ᠡᠪᠡᠰᠦᠨ ᠤ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃ | ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠬᠦᠨᠵᠡᠭᠡᠢ ᠦᠷᠨᠢᠭᠦᠯᠦᠨ᠎ᠡ᠃ ᠠᠭᠠᠷ ᠮᠠᠨᠳᠠᠯ᠂ ᠤᠰᠤ᠂ ᠬᠦᠷᠦᠰᠦ ᠰᠢᠷᠤᠢ ᠪᠣᠯᠣᠨ ᠬᠦᠨᠳᠦ | ᠲᠡᠮᠦᠷᠯᠢᠭ ᠤᠨ ᠪᠣᠬᠢᠷᠳᠤᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠷᠠᠭᠤᠯᠵᠦ᠂ ᠪᠤᠬᠢᠷᠳᠣᠯ ᠪᠣᠳᠠᠰ ᠭᠠᠳᠠᠭᠰᠢᠯᠠᠭᠤᠯᠬᠤ ᠶᠢ ᠪᠠᠭᠠᠰᠬᠠᠵᠤ ᠪᠣᠬᠢᠷᠳᠤᠯ ᠢ ᠵᠠᠰᠠᠬᠤ | ᠭᠤᠣᠯᠳᠠᠯᠭ᠎ᠠ ᠲᠠᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠪᠣᠬᠢᠷᠳᠤᠯ ᠪᠤᠳᠠᠰ ᠭᠠᠳᠠᠭᠰᠢᠯᠠᠭᠤᠯᠬᠤ ᠡᠷᠬᠡ ᠶᠢ ᠲᠦᠯᠦᠪᠦᠷᠢ ᠲᠠᠢ ᠬᠡᠷᠡᠭᠯᠡᠬᠦ | ᠪᠠ ᠰᠤᠯᠢᠯᠴᠠᠬᠤ ᠲᠣᠷᠰᠢᠯᠲᠠ ᠶᠢᠨ ᠴᠢᠬ ᠢ ᠲᠦᠯᠬᠢᠨ ᠠᠬᠢᠭᠤᠯᠵᠤ᠂ ᠣᠷᠴᠢᠨ ᠲᠣᠭᠤᠷᠢᠨ ᠤ ᠪᠣᠬᠢᠷᠳᠤᠯ ᠤᠨ ᠭᠤᠷᠪᠠᠳᠠᠬᠢ ᠡᠲᠡᠭᠡᠳ ᠠᠴᠠ ᠵᠠᠰᠠᠬᠤ ᠵᠠᠭᠪᠣᠷ ᠢ | ᠰᠦᠪᠡᠭᠴᠢᠯᠡᠨ ᠶᠠᠪᠤᠭᠳᠠᠭᠤᠯᠬᠤ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠭᠤᠷᠢ ᠮᠦᠩᠭᠦ ᠶᠢ ᠪᠠᠶᠢᠭᠤᠯᠵᠤ᠂ ᠣᠯᠠᠨ ᠲᠦᠮᠡᠨ ᠤ ᠡᠷᠡᠭᠦᠯ ᠮᠡᠨᠳᠦ ᠳᠤ | ᠬᠤᠣᠷ ᠲᠠᠢ ᠣᠷᠴᠢᠨ ᠲᠣᠭᠤᠷᠢᠨ ᠤ ᠪᠤᠬᠢᠷᠳᠤᠯ ᠤᠨ ᠳᠤᠪᠤᠶᠢᠮ᠎ᠠ ᠠᠰᠠᠭᠤᠳᠠᠯ ᠢ ᠰᠢᠢᠳᠪᠦᠷᠢᠯᠡᠨ᠎ᠡ᠃ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠪᠠ | ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠣᠷᠴᠢᠨ ᠲᠣᠭᠤᠷᠢᠨ ᠤ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ︽ᠦᠴᠦᠬᠡᠨ ᠴᠤ ᠠᠭᠤᠴᠢᠯᠠᠬᠤ ᠦᠭᠡᠢ︾ | ᠪᠤᠯᠭᠠᠨ᠎ᠠ᠃ ᠡᠨᠧᠷᠬᠢ ᠶᠢ ᠠᠷᠪᠢᠯᠠᠵᠤ ᠪᠤᠬᠢᠷᠳᠣᠯ ᠪᠤᠳᠠᠰ ᠭᠠᠳᠠᠭᠰᠢᠯᠠᠭᠤᠯᠬᠤ ᠶᠢ ᠪᠠᠭᠠᠰᠬᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠠ ᠶᠢ ᠲᠡᠬᠦᠯᠳᠡᠷᠵᠢᠬᠦᠯᠵᠦ᠂ | ᠠᠷᠪᠠᠨ ᠲᠣᠮᠣ ᠭᠤᠣᠯᠳᠠᠯᠭ᠎ᠠ ᠲᠠᠢ ᠡᠨᠧᠷᠬᠢ ᠠᠷᠪᠢᠯᠠᠬᠤ ᠢᠨᠵᠧᠨᠧᠷᠢᠩ ᠤᠨ ᠪᠠᠶᠢᠭᠤᠯᠤᠯᠲᠠ ᠶᠢ ᠴᠢᠩᠭᠠᠳᠬᠠᠨ᠂ ᠭᠤᠣᠯᠳᠠᠯᠭ᠎ᠠ ᠲᠠᠢ ᠠᠵᠢᠯ ᠲᠦᠷᠦᠯ ᠤᠨ ᠬᠢᠨ ᠪᠤᠯᠤᠨ | ᠭᠤᠣᠯᠳᠠᠯᠭ᠎ᠠ ᠲᠠᠢ ᠠᠵᠤ ᠠᠬᠤᠶᠢᠯᠠᠯ ᠤᠨ ᠡᠨᠧᠷᠬᠢ ᠠᠷᠪᠢᠯᠠᠵᠤ ᠬᠤᠷᠤᠭᠳᠠᠯ ᠢ ᠪᠠᠭᠠᠰᠬᠠᠬᠤ ᠮᠡᠷᠭᠡᠵᠢᠯ ᠤᠨ ᠦᠭᠡᠷᠡᠴᠢᠯᠡᠯᠲᠡ ᠶᠢ ᠲᠦᠷᠬᠡᠳᠬᠡᠵᠦ᠂ | ᠨᠡᠭᠦᠷᠡᠰᠦᠳᠦ᠋ᠷᠦᠭᠴᠢ ᠶᠢ ᠭᠠᠳᠠᠭᠰᠢᠯᠠᠭᠤᠯᠬᠤ᠂ ᠨᠡᠭᠦᠷᠡᠰᠦᠳᠦ᠋ᠷᠦᠭᠴᠢ ᠶᠢ ᠰᠣᠯᠢᠯᠴᠠᠬᠤ ᠳᠦᠷᠢᠮ ᠤᠨ ᠰᠢᠰᠲ᠋ᠧᠮᠵᠢ ᠶᠢ ᠰᠦᠪᠡᠭᠴᠢᠯᠡᠨ ᠪᠠᠶᠢᠭᠤᠯᠵᠤ᠂ ᠳᠣᠣᠷ᠎ᠠ | ᠨᠡᠭᠦᠷᠡᠰᠦᠳᠦ᠋ᠷᠦᠭᠴᠢᠲᠦ ᠲᠣᠷᠰᠢᠯᠲᠠ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠤᠴᠤᠷᠤᠩᠭᠤᠢ ᠦᠢᠯᠡᠳᠪᠦᠷᠢᠯᠡᠬᠦ ᠴᠢᠳᠠᠪᠤᠷᠢ ᠶᠢ | ᠦᠷᠬᠦᠯᠵᠢᠯᠡᠨ ᠰᠢᠯᠢᠭᠳᠡᠬᠦᠯᠦᠨᠠ᠃ ᠲᠡᠷᠢᠶᠠᠯᠠᠩ ᠮᠠᠯ ᠠᠵᠤ ᠠᠬᠤᠢ ᠶᠢᠨ ᠴᠡᠪᠡᠷ ᠦᠢᠯᠡᠳᠪᠦᠷᠢᠯᠡᠯ᠂ ᠠᠵᠤ ᠦᠢᠯᠡᠳᠪᠦᠷᠢ ᠶᠢᠨ ᠡᠷᠬᠢᠯᠳᠡᠳᠤ ᠠᠰᠢᠭᠯᠠᠯᠲᠠ ᠶᠢᠨ ᠵᠢᠱᠢᠶ᠎ᠡ | ᠦᠵᠡᠭᠦᠯᠬᠦ ᠲᠦᠷᠦᠯ ᠵᠦᠢᠯ᠂ ᠵᠢᠱᠢᠶ᠎ᠡ ᠦᠵᠡᠬᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠡᠬᠢ ᠪᠠᠶᠠᠯᠢᠭ ᠢ ᠶᠡᠷᠦᠩᠬᠡᠶᠢᠯᠡᠨ | ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ ᠬᠡᠷᠡᠭᠵᠢᠭᠦᠯᠵᠦ᠂ | ᠬᠦᠷᠦᠰᠤᠨ ᠲᠣᠣᠷᠠᠬᠢ ᠤᠰᠤ ᠶᠢ ᠠᠷᠪᠢᠯᠠᠵᠤ ᠬᠠᠮᠠᠭᠠᠯᠠᠬᠤ ᠪᠠᠨ ᠴᠢᠩᠭᠠᠳᠬᠠᠨ᠎ᠠ᠃ ᠠᠭᠤᠷᠬᠠᠢ ᠶᠢᠨ ᠭᠠᠵᠠᠷ ᠤᠨ ᠣᠷᠴᠢᠨ ᠲᠤᠭᠤᠷᠢᠨ᠂ ᠭᠠᠵᠠᠷ ᠬᠦᠷᠦᠰᠤ ᠶᠢᠨ ᠭᠠᠢ | ᠭᠠᠮᠰᠢᠭ ᠵᠢᠴᠢ ᠨᠡᠭᠦᠷᠡᠰᠦᠨ ᠤ ᠠᠢ ᠰᠠᠪᠠ ᠶᠢᠨ ᠭᠠᠯ ᠨᠣᠴᠤᠭᠰᠠᠨ ᠣᠷᠣᠨ᠂ ᠴᠦᠮᠦᠷᠡᠭᠰᠡᠨ ᠣᠷᠣᠨ ᠤ ᠣᠷᠴᠢᠨ ᠲᠣᠭᠤᠷᠢᠨ ᠢ ᠵᠠᠰᠠᠬᠤ ᠪᠠᠨ ᠴᠢᠩᠭᠠᠳᠬᠠᠨ᠎ᠠ᠃ | ᠠᠮᠢ ᠠᠬᠤᠢ ᠶᠢᠨ ᠪᠣᠯᠪᠠᠰᠤᠨ ᠤ ᠳᠦᠷᠢᠮ ᠤᠨ ᠪᠠᠶᠢᠭᠤᠯᠤᠯᠲᠠ ᠶᠢ ᠢᠳᠡᠪᠬᠢᠲᠡᠢ ᠪᠠᠷ ᠲᠦᠯᠬᠢᠨ ᠠᠬᠢᠭᠤᠯᠤᠨ᠎ᠠ᠃ ᠡᠬᠢ ᠡᠭᠦᠰᠦᠯ ᠠᠴᠠ ᠨᠢ ᠴᠢᠩᠭ᠎ᠠ | ᠰᠡᠷᠭᠡᠶᠢᠯᠡᠵᠦ᠂ ᠶᠠᠪᠤᠴᠠ ᠶᠢ ᠨᠢ ᠴᠢᠩᠭ᠎ᠠ ᠬᠠᠮᠢᠶᠠᠷᠤᠨ᠂ ᠦᠷ᠎ᠡ ᠳ᠋ᠦᠩ ᠢᠶᠠᠷ ᠨᠢ ᠴᠢᠩᠭ᠎ᠠ ᠰᠢᠳᠭᠡᠵᠦ᠂ ᠦᠩᠭᠡᠨ ᠲᠠᠯ᠎ᠠ ᠪᠠ ᠦᠨᠳᠦᠰᠦᠨ ᠠᠴᠠ ᠨᠢ ᠵᠠᠰᠠᠬᠤ ᠶᠢ ᠤᠯᠠᠨ | ᠲᠠᠯ᠎ᠠ ᠪᠠᠷ ᠵᠡᠷᠭᠡ ᠳᠤᠨᠢ ᠪᠡᠶᠡᠯᠡᠭᠦᠯᠵᠦ᠂ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠪᠠᠶᠢᠭᠤᠯᠤᠯᠲᠠ ᠶᠢ ᠲᠦᠷᠭᠡᠳᠭᠡᠨ᠂ ᠠᠮᠢ ᠠᠬᠤᠶᠢᠲᠤ ᠡᠳ᠋ ᠬᠦᠷᠦᠩᠭᠡ ᠶᠢ | ᠬᠠᠮᠤᠭ ᠤᠨ ᠶᠡᠭᠡ ᠬᠡᠮᠵᠢᠶ᠎ᠠ ᠪᠠᠷ ᠨᠡᠮᠡᠭᠳᠡᠭᠦᠯᠵᠦ᠂ ᠣᠷᠴᠢᠨ ᠲᠣᠭᠤᠷᠢᠨ ᠤ ᠥᠷᠢ ᠥᠭᠴᠡᠭᠡ ᠶᠢ ᠪᠠᠭᠠᠰᠬᠠᠨ᠎ᠠ᠃ ᠭᠤᠣᠯ ᠴᠣᠭᠴᠠ ᠶᠢᠨ ᠴᠢᠳᠠᠪᠬᠢ ᠶᠢᠨ ᠣᠷᠣᠨ ᠤ | ᠪᠦᠲᠦᠭᠡᠨ ᠪᠠᠶᠢᠭᠤᠯᠤᠯᠲᠠ ᠶᠢᠨ ᠲᠣᠷᠰᠢᠯᠲᠠ ᠶᠢᠨ ᠴᠢᠬ ᠤᠨ ᠵᠢᠱᠢᠶ᠎ᠠ ᠦᠵᠡᠭᠦᠯᠬᠦ ᠶᠢ ᠦᠷᠭᠦᠯᠵᠢᠯᠡᠨ ᠦᠷᠨᠢᠭᠦᠯᠵᠦ᠂ ᠠᠮᠢ ᠠᠬᠤᠢ ᠶᠢᠨ ᠤᠯᠠᠭᠠᠨ ᠱᠤᠭᠤᠮ ᠪᠠ | ᠦᠨᠳᠦᠰᠦᠨ ᠨᠤᠲᠤᠭ ᠪᠡᠯᠴᠢᠭᠡᠷ ᠤᠨ ᠤᠯᠠᠭᠠᠨ ᠱᠤᠭᠤᠮ ᠢ ᠢᠯᠭᠠᠨ ᠲᠣᠭᠲᠠᠭᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠶᠢᠨ ᠰᠦᠢᠳᠤᠯ ᠤᠨ | ᠬᠦᠰᠦᠨᠦᠭᠲᠦ ᠶᠢ ᠨᠠᠶᠢᠷᠠᠭᠤᠯᠤᠨ ᠵᠣᠬᠢᠶᠠᠬᠤ᠂ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠦᠷᠦᠩᠭᠡ ᠳᠤ ᠤᠳᠤᠷᠢᠳᠬᠤ ᠺᠠᠳ᠋ᠷᠴᠤᠳ ᠲᠤᠰᠢᠶᠠᠯ ᠠᠴᠠ ᠪᠠᠨ ᠰᠠᠯᠤᠭᠰᠠᠨ | ᠴᠦ ᠬᠢᠨᠠᠨ ᠪᠤᠳᠤᠯᠳᠠ ᠬᠢᠬᠦ᠂ ᠠᠮᠢ ᠠᠬᠤᠢ ᠶᠢᠨ ᠣᠷᠴᠢᠨ ᠲᠣᠭᠤᠷᠢᠨ ᠢ ᠬᠤᠬᠢᠷᠠᠭᠤᠯᠤᠭᠰᠠᠨ ᠬᠠᠷᠢᠭᠤᠴᠠᠯᠭ᠎ᠠ ᠶᠢ ᠨᠠᠰᠤᠨ ᠲᠣᠷᠰᠢ ᠨᠡᠭᠡᠮᠵᠢᠯᠡᠬᠦ ᠳᠦᠷᠢᠮ ᠤᠨ ᠭᠤᠷᠪᠠᠨ | ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠢᠳᠡᠪᠬᠢᠲᠡᠢ ᠪᠠᠷ ᠲᠦᠯᠬᠢᠨ ᠠᠬᠢᠭᠤᠯᠵᠤ᠂ ᠡᠬᠢ ᠪᠠᠶᠠᠯᠢᠭ ᠢ ᠲᠦᠯᠦᠪᠦᠷᠢ ᠲᠠᠢ ᠬᠡᠷᠡᠭᠯᠡᠭᠦᠯᠬᠦ ᠳᠦᠷᠢᠮ ᠪᠠ ᠠᠮᠢ ᠠᠬᠤᠢ ᠶᠢᠨ | ᠨᠦᠬᠦᠪᠦᠷᠢ ᠥᠭᠬᠦ ᠳᠦᠷᠢᠮ ᠢ ᠬᠢᠨᠠᠮᠠᠭᠠᠢ ᠨᠠᠶᠢᠳᠠᠪᠤᠷᠢᠵᠢᠭᠤᠯᠤᠨ᠂ ᠠᠮᠢ ᠠᠬᠤᠢ ᠶᠢᠨ ᠪᠣᠯᠪᠠᠰᠤᠨ ᠤ ᠱᠠᠭᠠᠷᠳᠠᠯᠭ᠎ᠠ ᠶᠢ ᠢᠯᠡᠷᠡᠭᠦᠯᠵᠦ ᠦᠨᠡᠯᠡᠨ ᠵᠢᠱᠢᠬᠦ᠂ ᠬᠠᠷᠠᠯᠲᠠ | ᠪᠤᠯᠤᠨ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠪᠦᠷᠢᠨᠰᠢᠭᠦᠯᠦᠨ᠎ᠡ᠃ | ︵ᠠᠷᠪᠠ︶ ᠵᠠᠰᠠᠭ ᠤᠨ ᠣᠷᠳᠤᠨ ᠤ ᠲᠤᠰ ᠪᠡᠶ᠎ᠡ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠦ᠂ ᠵᠠᠰᠠᠭ ᠤᠨ ᠣᠷᠳᠤᠨ ᠤ | ᠬᠡᠷᠡᠭᠵᠢᠭᠦᠯᠬᠦ ᠬᠦᠴᠦᠨ ᠪᠠ ᠨᠡᠶᠢᠲᠡ ᠳᠤ ᠢᠲᠡᠭᠡᠭᠦᠯᠬᠦ ᠬᠦᠴᠦᠨ ᠢ ᠳᠡᠭᠡᠭᠰᠢᠯᠡᠭᠦᠯᠦᠨ᠎ᠡ | ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ᠂ ᠳᠥᠷᠪᠡᠳᠦᠭᠡᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ | ᠦᠨᠡᠨᠴᠢ ᠪᠠᠷ ᠬᠡᠷᠡᠭᠵᠢᠭᠦᠯᠵᠦ᠂ ᠤᠯᠤᠰ ᠢ ᠵᠠᠰᠠᠬᠤ ᠰᠢᠰᠲ᠋ᠧᠮᠵᠢ ᠪᠠ ᠵᠠᠰᠠᠬᠤ ᠴᠢᠳᠠᠪᠤᠷᠢ ᠶᠢᠨ ᠤᠳᠤᠬᠢᠴᠢᠯᠠᠯᠲᠠ ᠶᠢ ᠲᠦᠯᠬᠢᠨ ᠠᠬᠢᠭᠤᠯᠬᠤ ᠱᠠᠭᠠᠷᠳᠠᠯᠭ᠎ᠠ ᠶᠤᠰᠤᠭᠠᠷ᠂ | ᠬᠠᠤᠯᠢ ᠪᠠᠷ ᠵᠠᠰᠠᠬᠤ᠂ ᠰᠢᠨ᠎ᠡ ᠶᠢ ᠡᠭᠦᠳᠬᠦ᠂ ᠠᠷᠢᠭᠤᠨ ᠴᠢᠭᠡᠴᠢ ᠪᠤᠯᠤᠨ ᠦᠢᠯᠡᠴᠢᠯᠡᠭᠡᠨ ᠤ ᠮᠠᠶ᠋ᠢᠭ ᠤᠨ ᠵᠠᠰᠠᠭ ᠤᠨ ᠣᠷᠳᠤᠨ ᠢ ᠲᠦᠷᠭᠡᠳᠭᠡᠨ ᠪᠠᠶᠢᠭᠤᠯᠤᠨ᠎ᠠ᠃ | ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠲᠦᠯᠬᠢᠨ ᠠᠬᠢᠭᠤᠯᠤᠨ᠎ᠠ᠃ ᠵᠠᠰᠠᠭ ᠤᠨ ᠣᠷᠳᠤᠨ ᠤ ᠠᠵᠢᠯ ᠢ ᠬᠠᠤᠯᠢ ᠪᠠᠷ ᠵᠠᠰᠠᠬᠤ ᠵᠠᠮ ᠳᠤ ᠪᠦᠬᠦ ᠲᠠᠯ᠎ᠠ ᠪᠠᠷ ᠦᠨᠡᠨᠬᠦ | ᠣᠷᠤᠭᠤᠯᠵᠤ᠂ ᠬᠠᠤᠯᠢ ᠪᠠᠷ ᠵᠠᠰᠠᠬᠤ ᠰᠡᠳᠬᠢᠬᠦᠢ ᠪᠤᠯᠤᠨ ᠠᠷᠭ᠎ᠠ ᠮᠠᠶ᠋ᠢᠭ ᠢ ᠬᠡᠷᠡᠭᠯᠡᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠨ᠎ᠡ᠃ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠰᠢᠢᠳᠪᠦᠷᠢ᠂ ᠲᠣᠭᠲᠠᠭᠠᠯ ᠢ ᠬᠢᠨᠠᠮᠠᠭᠠᠢ ᠬᠡᠷᠡᠭᠵᠢᠭᠦᠯᠵᠦ᠂ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠳᠤ ᠬᠠᠤᠯᠢ ᠶᠤᠰᠤᠭᠠᠷ ᠠᠵᠢᠯ ᠢᠶᠠᠨ ᠮᠡᠳᠡᠭᠦᠯᠦᠨ᠂ ᠠᠷᠠᠳ ᠤᠨ | ᠳᠦᠯᠦᠭᠡᠯᠡᠭᠴᠢᠳ ᠤᠨ ᠶᠡᠭᠡ ᠬᠤᠷᠠᠯ ᠵᠢᠴᠢ ᠳᠡᠭᠦᠨ ᠤ ᠪᠠᠶᠢᠡᠭᠭᠤ ᠶᠢᠨ ᠬᠤᠷᠢᠶ᠎ᠠ ᠶᠢᠨ ᠬᠠᠤᠯᠢ ᠴᠠᠭᠠᠵᠠ ᠶᠢᠨ ᠬᠢᠨᠠᠯᠳᠠ ᠳᠠᠯᠪᠢᠬᠤ᠂ ᠠᠵᠢᠯ ᠤᠨ ᠬᠢᠨᠠᠯᠳᠠ ᠳᠠᠯᠪᠢᠬᠤ ᠪᠠ | ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠦᠯᠦᠭᠡᠯᠡᠭᠴᠢᠳ ᠤᠨ ᠰᠠᠨᠠᠭᠤᠯᠭ᠎ᠠ | ᠪᠠ ᠤᠯᠤᠰ ᠲᠥᠷᠥ ᠶᠢᠨ ᠵᠥᠪᠯᠡᠯᠭᠡᠨ ᠤ ᠳᠤᠷᠠᠳᠤᠯᠭ᠎ᠠ ᠶᠢ ᠬᠢᠨᠠᠮᠠᠭᠠᠢ ᠭᠦᠢᠴᠡᠳᠭᠡᠵᠦ᠂ ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠤᠨ ᠪᠠ ᠤᠯᠤᠰ | ᠲᠥᠷᠥ ᠶᠢᠨ ᠵᠦᠪᠯᠡᠯᠭᠡᠨ ᠤ ᠣᠨ ᠤ ᠵᠦᠪᠳᠡᠯᠴᠡᠬᠦ ᠲᠦᠯᠦᠪᠯᠡᠭᠡ ᠶᠢ ᠢᠳᠡᠪᠬᠢᠲᠡᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯ᠎ᠡ ᠠᠷᠠᠳᠴᠢᠯᠠᠭᠰᠠᠨ ᠨᠠᠮ ᠪᠦᠯᠦᠭ᠂ | ᠠᠵᠤ ᠦᠢᠯᠡᠳᠪᠦᠷᠢ ᠬᠤᠳᠠᠯᠳᠤᠭᠠᠨ ᠤ ᠬᠤᠯᠪᠤᠭᠠᠳᠤ ᠬᠤᠷᠠᠯ᠂ ᠨᠠᠮ ᠪᠦᠯᠦᠭ ᠤᠨ ᠪᠣᠰᠤ ᠠᠷᠠᠳᠴᠢᠯᠠᠭᠰᠠᠨ ᠬᠦᠮᠦᠰ ᠪᠤᠯᠤᠨ ᠠᠷᠠᠳ ᠤᠨ ᠪᠦᠯᠬᠦᠮ ᠤᠨ ᠰᠠᠨᠠᠯ | ᠰᠠᠨᠠᠭᠤᠯᠭ᠎ᠠ ᠶᠢ ᠥᠷᠭᠡᠨ ᠢᠶᠠᠷ ᠰᠤᠨᠤᠰᠤᠨ᠎ᠠ᠃ ᠵᠠᠰᠠᠭ ᠤᠨ ᠣᠷᠳᠤᠨ ᠤ ᠬᠠᠤᠯᠢ ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠴᠢᠬᠤᠯᠠ | ᠶᠡᠭᠡ ᠰᠢᠢᠳᠪᠦᠷᠢᠲᠦ ᠪᠤᠳᠣᠯᠭ᠎ᠠ ᠳᠤ ᠬᠠᠤᠯᠢ ᠪᠠᠷ ᠲᠣᠭᠲᠠᠭᠠᠭᠰᠠᠨ ᠵᠢᠷᠤᠮᠵᠢᠯ ᠢ ᠴᠢᠩᠭ᠎ᠠ ᠵᠢᠷᠤᠮᠯᠡᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ | ᠦᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠢᠩᠭ᠎ᠠ ᠵᠢᠷᠤᠮᠵᠢᠯ ᠲᠠᠢ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠦᠨ᠎ᠡ᠃ ᠵᠠᠰᠠᠭ ᠤᠨ | ᠶᠠᠪᠤᠳᠠᠯ ᠢ ᠢᠯᠠ ᠪᠣᠯᠭᠠᠬᠤ ᠶᠢ ᠶᠡᠬᠡᠪᠡᠷ ᠬᠡᠷᠡᠭᠵᠢᠭᠦᠯᠵᠦ᠂ ᠠᠷᠠᠳ ᠲᠦᠮᠡᠨ ᠤ ᠪᠠᠶᠢᠳᠠᠯ ᠣᠶᠢᠯᠠᠭᠠᠬᠤ ᠡᠷᠬᠡ᠂ ᠣᠷᠣᠯᠴᠠᠬᠤ ᠡᠷᠬᠡ᠂ ᠢᠯᠡᠳᠭᠡᠬᠦ ᠡᠷᠬᠡ᠂ ᠬᠢᠨᠠᠯᠲᠠ | ᠲᠠᠯᠪᠢᠬᠤ ᠡᠷᠬᠡ ᠶᠢ ᠪᠠᠲᠤᠯᠠᠨ᠎ᠠ᠃ ᠬᠠᠮᠢᠶᠠᠷᠤᠯᠲᠠ ᠪᠣᠯᠣᠨ ᠦᠢᠯᠡᠴᠢᠯᠡᠭᠡ ᠳᠤ ᠰᠢᠨ᠎ᠡ ᠶᠢ ᠡᠭᠦᠳᠦᠨ᠎ᠡ᠃ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠵᠠᠭᠪᠤᠷ ᠢ | ᠲᠡᠭᠦᠯᠳᠡᠷᠵᠢᠭᠦᠯᠵᠦ᠂ ᠵᠠᠰᠠᠭ ᠤᠨ ᠣᠷᠳᠤᠨ ᠤ ᠬᠢᠨ ᠣᠯᠠᠨ ᠨᠡᠶᠢᠲᠡ ᠶᠢᠨ ᠦᠢᠯᠡᠴᠢᠯᠡᠭᠡ ᠬᠤᠳᠠᠯᠳᠤᠨ ᠠᠪᠬᠤ ᠬᠡᠪᠴᠢᠶ᠎ᠠ ᠶᠢ ᠦᠷᠭᠡᠳᠭᠡᠨ᠎ᠡ᠃ ᠨᠠᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠬᠠᠮᠢᠶᠠᠷᠤᠯᠲᠠ ᠳᠤ ᠰᠢᠨ᠎ᠡ ᠶᠢ ᠡᠭᠦᠳᠴᠦ᠂ ᠵᠠᠬ᠎ᠠ ᠳᠡᠯᠭᠡᠭᠦᠷ ᠪᠣᠯᠣᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠᠷ ᠨᠡᠩ ᠣᠯᠠᠨ ᠠᠵᠢᠯ ᠶᠠᠪᠤᠳᠠᠯ ᠢ | ᠡᠭᠦᠷᠭᠡᠯᠡᠭᠦᠯᠦᠨ᠎ᠡ᠃ ᠨᠢᠭᠡᠳᠦᠯᠲᠡᠢ ᠵᠢᠷᠤᠮᠵᠢᠭᠰᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠰᠤᠯᠢᠯᠴᠠᠭᠠᠨ ᠤ ᠲᠡᠪᠴᠡᠩ ᠢ ᠪᠠᠶᠢᠭᠤᠯᠵᠤ᠂ ᠵᠠᠰᠠᠭ ᠤᠨ ᠶᠠᠪᠤᠳᠠᠯ ᠤᠨ | ᠶᠡᠭᠡ ᠲᠠᠩᠬᠢᠮ ᠪᠠ ᠡᠯᠧᠺᠲᠷᠣᠨ ᠵᠠᠰᠠᠭ ᠤᠨ ᠶᠠᠪᠤᠳᠠᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠶᠡᠷᠦᠩᠬᠡᠶᠢᠯᠡᠭᠰᠡᠨ ᠦᠨᠳᠦᠷ ᠪᠦᠲᠦᠮᠵᠢᠲᠡᠢ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠎ᠠ᠃ ᠰᠤᠷᠲᠠᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠢ ᠴᠢᠩᠭ᠎ᠠ ᠪᠠᠷ | ᠵᠠᠰᠠᠬᠤ ᠨᠠᠢᠮᠠᠨ ᠵᠦᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ ᠨᠠᠮ ᠤᠨ ᠤᠯᠤᠰ ᠲᠦᠷᠥ ᠶᠢᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠬᠦᠯᠵᠦ᠂ ᠡᠷᠡᠰ | ᠰᠢᠭᠤᠷᠬᠠᠢ ᠪᠦᠬᠡᠳ ᠤᠬᠠᠮᠰᠠᠷ ᠠᠴᠠ ᠪᠠᠨ ᠨᠠᠮ ᠤᠨ ᠲᠥᠪ ᠬᠤᠷᠢᠶ᠎ᠠ ᠯᠤᠭ᠎ᠠ ᠳᠡᠭᠡᠳᠦ ᠬᠡᠮᠵᠢᠶᠠᠨ ᠤ ᠨᠢᠭᠡᠲᠦᠯᠲᠡᠢ ᠪᠠᠶᠢᠬᠤ ᠶᠢ ᠪᠠᠳᠤᠯᠠᠵᠦ᠂ ᠨᠠᠮ ᠤᠨ ᠲᠥᠪ ᠬᠤᠷᠢᠶ᠎ᠠ᠂ | ᠲᠦᠷᠦ ᠶᠢᠨ ᠶᠠᠪᠤᠳᠠᠯ ᠤᠨ ᠬᠤᠷᠢᠶ᠎ᠠ ᠪᠠ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ | ᠲᠤᠤᠱᠯᠠᠭᠤᠯᠤᠨ᠎ᠠ᠃ ᠵᠣᠷᠢᠯᠲᠠ ᠶᠢᠨ ᠦᠵᠡᠯ ᠤᠬᠠᠮᠰᠠᠷ ᠢᠶᠠᠨ ᠲᠠᠰᠤᠷᠠᠯᠳᠠ ᠦᠬᠡᠢ ᠴᠢᠩᠭᠠᠷᠠᠭᠤᠯᠵᠤ᠂ ᠣᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ | ᠬᠤᠯᠪᠤᠭᠳᠠᠭᠰᠠᠨ ᠬᠦᠴᠢᠷᠲᠠᠢ᠂ ᠬᠠᠯᠠᠮᠰᠢᠯ ᠠᠰᠠᠭᠤᠳᠠᠯ ᠢ ᠦᠨᠡᠨᠬᠦ ᠰᠠᠶᠢᠲᠤᠷ ᠰᠢᠢᠳᠪᠦᠷᠢᠯᠡᠵᠦ᠂ ᠰᠤᠷᠲᠠᠯ ᠤᠨ ᠪᠦᠲᠦᠭᠡᠨ ᠪᠠᠶᠢᠭᠤᠯᠤᠯᠲᠠ ᠶᠢᠨ ᠪᠤᠳᠠᠳᠤ ᠦᠷ᠎ᠠ | ᠪᠦᠳᠦᠮᠵᠢ ᠪᠠᠷ ᠠᠷᠠᠳ ᠢᠷᠭᠡᠳ ᠤᠨ ᠢᠲᠡᠭᠡᠯ ᠢ ᠣᠯᠣᠨ᠎ᠠ᠃ ᠤᠯᠠᠨ ᠲᠦᠮᠡᠨᠴᠢ ᠱᠤᠭᠤᠮ ᠤᠨ ᠬᠦᠮᠦᠵᠢᠯ ᠦᠢᠯᠡᠳᠦᠯᠭᠡ ᠶᠢᠨ ᠠᠵᠢᠯᠯᠠᠭᠠᠨ ᠤ ᠦᠷ᠎ᠡ ᠪᠦᠳᠦᠬᠡᠯ ᠢ | ᠪᠠᠬᠢᠵᠢᠭᠦᠯᠦᠨ ᠦᠷᠭᠡᠳᠭᠡᠵᠦ᠂ ᠴᠡᠭᠴᠡᠯᠡᠨ ᠵᠠᠰᠠᠵᠤ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠤᠷᠲᠠᠯ ᠤᠨ ᠪᠠᠶᠢᠭᠤᠯᠤᠯᠲᠠ ᠶᠢᠨ ᠭᠡᠪ | ᠪᠠᠶᠢᠳᠠᠯᠵᠢᠬᠤ ᠶᠢ ᠲᠦᠯᠬᠢᠨ ᠠᠬᠢᠭᠤᠯᠤᠨ᠎ᠠ᠃ ᠡᠷᠬᠡ ᠶᠢ ᠬᠠᠤᠯᠢ ᠶᠤᠰᠤᠭᠠᠷ ᠵᠠᠰᠠᠬᠤ ᠶᠢ ᠪᠠᠷᠢᠮᠲᠠᠯᠠᠨ᠎ᠠ᠃ ᠡᠷᠬᠡ ᠶᠢᠨ ᠨᠠᠷᠢᠨ ᠬᠠᠭᠤᠳᠠᠰᠤ ᠶᠢᠨ ᠳᠦᠷᠢᠮ ᠢ | ᠬᠡᠷᠡᠭᠵᠢᠭᠦᠯᠵᠦ᠂ ᠡᠷᠬᠡ ᠶᠢᠨ ᠠᠵᠢᠯᠯᠠᠭᠠᠨ ᠤ ᠶᠠᠪᠤᠴᠠ ᠶᠢ ᠬᠠᠤᠯᠢ ᠶᠤᠰᠤᠭᠠᠷ ᠢᠯᠡ ᠪᠣᠯᠭᠠᠨ᠂ ᠡᠭᠦᠷᠭᠡ ᠴᠢᠳᠠᠪᠤᠷᠢᠳᠤ ᠰᠠᠯᠠᠭ᠎ᠠ ᠮᠦᠴᠢᠷ ᠤᠳ ᠤᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠳᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠥᠯᠥ ᠬᠢᠬᠦ᠂ ᠳᠤᠷ᠎ᠠ ᠪᠠᠷ ᠦᠢᠯᠡᠳᠬᠦ ᠶᠢ ᠡᠷᠡᠰ | ᠴᠡᠭᠴᠡᠯᠡᠨ ᠵᠠᠰᠠᠨ᠎ᠠ᠃ ᠴᠢᠬᠤᠯᠠ ᠬᠦᠷᠢᠶ᠎ᠡ ᠴᠠᠷᠠᠭ᠎ᠠ᠂ ᠵᠠᠩᠭᠢᠯᠠᠭ᠎ᠠ ᠶᠢᠨ ᠠᠵᠢᠯ ᠤᠨ ᠪᠠᠶᠢᠷᠢ ᠳᠠᠬᠢ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠠ ᠬᠢᠨᠠᠨ ᠪᠤᠳᠤᠵᠦ | ᠬᠢᠨᠠᠯᠲᠠ ᠲᠠᠯᠪᠢᠬᠤ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠷᠢᠭᠤᠴᠠᠯᠭ᠎ᠠ ᠲᠤᠯᠭᠠᠬᠤ ᠡᠷᠴᠢᠮ ᠢ ᠴᠢᠩᠭᠠᠷᠠᠭᠤᠯᠤᠨ᠎ᠠ᠃ ᠨᠠᠮ ᠤᠨ ᠰᠤᠷᠲᠠᠯ ᠪᠠ ᠠᠷᠢᠭᠤᠨ | ᠴᠢᠭᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠢᠯᠵᠠᠷᠠᠯ ᠢ ᠡᠰᠡᠷᠬᠦᠴᠡᠨ ᠠᠷᠢᠭᠤᠨ | ᠴᠢᠬᠡᠴᠢ ᠶᠢ ᠡᠷᠬᠢᠮᠯᠡᠬᠦ ᠲᠦᠷᠢᠮ ᠤᠨ ᠪᠠᠶᠢᠭᠤᠯᠤᠯᠳᠠ ᠶᠢ ᠴᠢᠩᠭᠠᠳᠬᠠᠵᠦ᠂ ᠵᠠᠰᠠᠭ ᠤᠨ ᠣᠷᠳᠤᠨ ᠤ ᠰᠢᠰᠲ᠋ᠧᠮ ᠤᠨ ᠠᠷᠢᠭᠤᠨ ᠴᠢᠭᠡᠴᠢ ᠵᠠᠰᠠᠭ ᠪᠠᠷᠢᠬᠤ ᠶᠢᠨ | ᠲᠥᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠪᠦᠷᠢᠨᠰᠢᠭᠦᠯᠦᠨ᠂ ᠡᠷᠬᠡ ᠶᠢᠨ ᠠᠵᠢᠯᠯᠠᠭᠠᠨ ᠢ ᠬᠢᠨᠠᠬᠤ ᠪᠠ ᠬᠦᠯᠢᠶᠡᠰᠤᠯᠡᠬᠦ ᠶᠢ ᠴᠢᠩᠭᠠᠳᠬᠠᠨ᠎ᠠ᠃ | ᠲᠦᠯᠦᠭᠡᠯᠡᠭᠴᠢᠳ ᠡ᠂ ᠡᠨᠡ ᠵᠢᠯ ᠪᠣᠯ ︽12 · 5︾ ᠶᠢᠨ ᠲᠦᠯᠦᠪᠵᠢᠭᠦᠯᠭᠡ ᠶᠢᠨ ᠠᠵᠢᠯ ᠲᠠᠭᠤᠰᠬᠤ ᠨᠢᠭᠡ ᠵᠢᠯ ᠪᠣᠯᠣᠨ᠎ᠠ᠂ ᠪᠢᠳᠡ ᠠᠵᠢᠯ ᠢᠶᠠᠨ | ᠪᠦᠬᠦ ᠲᠠᠯ᠎ᠠ ᠪᠠᠷ ᠳ᠋ᠦᠩᠨᠡᠬᠦ ᠶᠢᠨ ᠬᠠᠮᠲᠤ᠂ ︽13 · 5︾ ᠶᠢᠨ ᠲᠦᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠲᠦᠷᠭᠡᠳᠭᠡᠨ ᠠᠬᠢᠭᠤᠯᠵᠤ᠂ ᠡᠯ᠎ᠡ | ᠲᠠᠯ᠎ᠠ ᠶᠢᠨ ᠬᠦᠴᠦᠨ ᠢ ᠢᠳᠡᠪᠬᠢᠲᠡᠢ ᠳᠠᠶᠢᠴᠢᠯᠠᠨ᠂ ᠬᠦᠨᠵᠡᠭᠡᠢ ᠪᠠᠶᠢᠴᠠᠭᠠᠨ ᠰᠤᠳᠤᠯᠵᠤ᠂ ᠥᠷᠭᠡᠨ ᠢᠶᠠᠷ ᠰᠠᠨᠠᠯ ᠬᠤᠷᠢᠶᠠᠨ᠂ ᠦᠪᠡᠷᠳᠡᠬᠡᠨ ᠵᠠᠰᠠᠬᠤ ᠤᠷᠤᠨ ᠤ ᠪᠦᠬᠦ | ᠲᠠᠯ᠎ᠠ ᠪᠠ ᠠᠯᠤᠰ ᠬᠡᠳᠤ ᠶᠢᠨ ᠬᠥᠭᠵᠢᠯᠲᠡ ᠲᠠᠢ ᠬᠤᠯᠪᠤᠭᠳᠠᠭᠰᠠᠨ ᠴᠢᠬᠤᠯᠠ ᠶᠡᠭᠡ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠠ ᠪᠠ ᠲᠦᠷᠦᠯ ᠵᠦᠢᠯ ᠢ ᠰᠠᠶᠢᠲᠤᠷ | ᠰᠤᠳᠤᠯᠤᠨ ᠲᠦᠰᠦᠪᠯᠡᠵᠦ᠂ ᠰᠢᠨᠵᠢᠯᠡᠬᠦ ᠤᠬᠠᠭᠠᠨᠴᠢ ᠪᠠᠷ ᠬᠥᠭᠵᠢᠭᠦᠯᠬᠦ᠂ ᠠᠷᠠᠳ ᠢᠶᠠᠨ ᠪᠠᠶᠠᠵᠢᠭᠤᠯᠵᠤ ᠣᠷᠣᠨ ᠢᠶᠠᠨ ᠬᠦᠴᠦᠷᠭᠡᠭᠵᠢᠭᠦᠯᠬᠦ ᠶᠢ ᠪᠡᠶᠡᠯᠡᠭᠦᠯᠬᠦ ᠳᠤ | ᠬᠦᠴᠦᠳᠡᠢ ᠲᠦᠰᠢᠭ ᠲᠤᠯᠭᠠᠭᠤᠷᠢ ᠬᠠᠩᠭᠠᠬᠤ ᠶᠢᠨ ᠬᠠᠮᠲᠤ᠂ ᠦᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠢ ᠶᠢᠨ ᠡᠯ᠎ᠡ ᠵᠦᠢᠯ ᠤᠨ ᠪᠡᠯᠡᠳᠭᠡᠯ | ᠠᠵᠢᠯ ᠢ ᠯᠠᠪᠲᠠᠭᠤᠨ ᠪᠠᠲᠤᠲᠠᠢ ᠰᠠᠶᠢᠲᠤᠷ ᠬᠢᠵᠦ᠂ ᠴᠢᠬᠤᠯᠠ ᠶᠡᠭᠡ ᠤᠭᠲᠣᠵᠦ ᠪᠡᠯᠭᠡᠯᠡᠬᠦ ᠲᠦᠷᠦᠯ ᠵᠦᠢᠯ ᠢᠶᠠᠷ ᠭᠤᠤᠯᠳᠠᠭᠤᠯᠵᠦ᠂ ᠵᠣᠬᠢᠴᠠᠭᠤᠯᠤᠨ ᠬᠠᠮᠵᠢᠯᠴᠠᠬᠤ ᠪᠠᠨ | ᠴᠢᠩᠭᠠᠳᠬᠠᠵᠤ᠂ ᠲᠦᠯᠬᠢᠨ ᠠᠬᠢᠭᠤᠯᠬᠤ ᠡᠷᠴᠢᠮ ᠢᠶᠠᠨ ᠴᠢᠩᠭᠠᠷᠠᠭᠤᠯᠤᠨ᠂ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ | ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ | ᠲᠦᠯᠦᠭᠡᠯᠡᠭᠴᠢᠳ ᠡ᠂ ᠰᠢᠨ᠎ᠡ ᠨᠢᠭᠡ ᠵᠢᠯ ᠢ ᠪᠠᠷᠠᠯᠠᠬᠤᠶ᠎ᠠ᠂ ᠮᠠᠨ ᠤ ᠡᠮᠦᠨ᠎ᠡ ᠲᠤᠯᠭᠠᠷᠠᠵᠤ ᠪᠠᠶᠢᠭ᠎ᠠ ᠡᠭᠦᠷᠭᠡ ᠬᠠᠲᠠᠭᠤ ᠪᠡᠷᠬᠡᠰᠢᠶᠡᠯᠲᠡᠢ ᠨᠦᠰᠡᠷ ᠬᠦᠨᠳᠦ | ᠪᠠᠶᠢᠵᠤ᠂ ᠡᠭᠦᠷᠭᠡᠯᠡᠵᠦ ᠪᠠᠶᠢᠭ᠎ᠠ ᠬᠠᠷᠢᠭᠤᠴᠠᠯᠭ᠎ᠠ ᠬᠦᠨᠳᠦ ᠶᠡᠭᠡ ᠪᠦᠭᠡᠳ ᠦᠩᠭᠡ ᠭᠡᠷᠡᠯᠲᠡᠢ ᠪᠠᠶᠢᠨ᠎ᠠ᠃ ᠪᠢᠳᠡ ᠰᠢ ᠶᠢᠨ ᠫᠢᠩ ᠨᠦᠬᠦᠷ ᠢᠶᠠᠷ ᠶᠡᠷᠦᠩᠬᠡᠢ ᠱᠦᠵᠢ | ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ | ᠶᠡᠭᠡ ᠲᠤᠭ ᠢ ᠦᠨᠳᠦᠷ ᠮᠠᠨᠳᠤᠭᠤᠯᠵᠤ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠦᠯᠦᠭᠡᠯᠡᠬᠦ︾ ᠴᠢᠬᠤᠯᠠ ᠦᠵᠡᠯ ᠰᠠᠨᠠᠭ᠎ᠠ ᠪᠤᠯᠤᠨ ᠰᠢᠨᠵᠢᠯᠡᠬᠦ | ᠤᠬᠠᠭᠠᠨᠴᠢ ᠬᠥᠭᠵᠢᠯᠲᠡ ᠶᠢᠨ ᠦᠵᠡᠯᠲᠡ ᠪᠠᠷ ᠵᠢᠯᠤᠭᠤᠳᠤᠯᠭ᠎ᠠ ᠪᠣᠯᠭᠠᠨ᠂ ᠰᠢ ᠶᠢᠨ ᠫᠢᠩ ᠶᠡᠷᠦᠩᠬᠡᠢ ᠱᠦᠵᠢ ᠶᠢᠨ ᠠᠯᠢ ᠣᠯᠠᠨ ᠴᠢᠬᠤᠯᠠ ᠶᠡᠷᠢᠶ᠎ᠠ ᠪᠠ ᠦᠪᠦᠷ | ᠮᠤᠩᠭᠤᠯ ᠳᠤ ᠰᠢᠨᠵᠢᠯᠡᠨ ᠪᠠᠶᠢᠴᠠᠭᠠᠬᠤ ᠳᠤ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠵᠣᠷᠢᠭ ᠲᠡᠭᠦᠯᠳᠡᠷ ᠢᠶᠠᠷ ᠮᠡᠷᠡᠶᠢᠨ | ᠴᠢᠷᠮᠠᠶᠢᠵᠤ᠂ ᠦᠨᠡᠨ ᠠᠳᠬᠤᠵᠤ ᠪᠣᠲᠠᠲᠠᠢ ᠪᠠᠷ ᠠᠵᠢᠯᠯᠠᠵᠤ᠂ ᠦᠭᠡᠷᠡᠴᠢᠯᠡᠯᠲᠡ ᠬᠥᠭᠵᠢᠯᠲᠡ ᠲᠣᠭᠲᠠᠭᠤᠨ ᠪᠠᠶᠢᠯᠭᠠᠬᠤ ᠡᠯ᠎ᠡ ᠵᠦᠢᠯ ᠤᠨ ᠠᠵᠢᠯ ᠢ ᠯᠠᠪᠳᠠᠭᠤᠨ | ᠪᠠᠲᠤᠲᠠᠢ ᠰᠠᠶᠢᠲᠤᠷ ᠬᠢᠵᠦ᠂ ᠡᠬᠡ ᠤᠯᠤᠰ ᠤᠨ ᠤᠮᠠᠷᠠᠲᠤ ᠬᠢᠯᠢ ᠬᠢᠵᠠᠭᠠᠷ ᠤᠨ ᠦᠵᠡᠮᠵᠢ ᠶᠢᠨ ᠤᠷᠤᠨ ᠢᠶᠠᠨ ᠨᠡᠩ ᠦᠵᠡᠰᠭᠦᠯᠡᠩ ᠰᠠᠶᠢᠬᠠᠨ ᠲᠠᠢ ᠪᠣᠯᠭᠠᠨ ᠴᠤᠭᠴᠠᠯᠠᠨ | ᠪᠠᠶᠢᠭᠤᠯᠬᠤ ᠪᠠᠷ ᠴᠢᠷᠮᠠᠶᠢᠨ ᠲᠡᠮᠡᠴᠡᠵᠡᠭᠡᠶ᠎ᠡ᠃ | |