ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠷᠯᠢᠭ | | 217 ᠳ᠋ᠤᠭᠠᠷ ᠲᠤᠭᠠᠳᠤ | | ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠷᠭ᠎ᠠ︾ ᠶᠢ | 2015 ᠣᠨ ᠤ 11 ᠳ᠋ᠤᠭᠡᠷ ᠰᠠᠷ᠎ᠠ ᠶᠢᠨ 24 ᠤ ᠡᠳᠦᠷ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠠᠪᠢᠨ ᠨᠠᠢᠮᠠᠳᠤᠭᠠᠷ | ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠨᠢᠭᠡᠨᠲᠡ ᠬᠢᠨᠠᠨ ᠵᠥᠪᠯᠡᠵᠦ ᠪᠠᠲᠤᠯᠠᠭᠠᠳ᠂ ᠡᠳᠦᠭᠡ ᠨᠡᠶᠢᠲᠡᠯᠡᠪᠡ᠂ 2016 ᠣᠨ ᠤ 1 ᠳ᠋ᠤᠭᠡᠷ ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | ᠥᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ ᠪᠠᠭᠠᠲᠤᠷ | 2015 ᠣᠨ ᠤ 12 ᠳ᠋ᠤᠭᠠᠷ ᠰᠠᠷ᠎ᠠ ᠶᠢᠨ 1 ᠤ ᠡᠳᠦᠷ | | ᠨᠢᠭᠡᠳᠦᠭᠡᠷ ᠵᠦᠢᠯ ᠦᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠢ ᠴᠤᠭᠯᠠᠭᠤᠯᠬᠤ᠂ ᠡᠮᠬᠢᠯᠡᠬᠦ᠂ ᠰᠢᠯᠵᠢᠭᠦᠯᠦᠨ | ᠲᠤᠰᠢᠶᠠᠬᠤ᠂ ᠬᠠᠳᠠᠭᠠᠯᠠᠨ ᠬᠠᠮᠢᠶᠠᠷᠬᠤ ᠪᠠ ᠠᠰᠢᠭᠯᠠᠬᠤ ᠶᠢ ᠴᠢᠩᠭᠠᠳᠬᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠩᠰᠠ | ᠡᠪᠬᠡᠮᠡᠯ ᠤᠨ ᠬᠠᠤᠯᠢ︾ ᠪᠠ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠳᠠᠩᠰᠠ ᠡᠪᠬᠡᠮᠡᠯ ᠤᠨ ᠳᠦᠷᠢᠮ︾ ᠵᠡᠷᠭᠡ ᠬᠠᠤᠯᠢ ᠴᠠᠭᠠᠵᠠ᠂ ᠬᠠᠤᠯᠢ | ᠲᠣᠭᠲᠠᠭᠠᠯ ᠢ ᠦᠨᠳᠦᠰᠦᠯᠡᠨ᠂ ᠦᠪᠡᠷᠲᠡᠭᠡᠨ ᠵᠠᠰᠠᠬᠤ ᠣᠷᠣᠨ ᠤ ᠪᠣᠲᠠᠲᠠᠢ ᠲᠠᠢ ᠪᠠᠨ ᠤᠶᠠᠯᠳᠤᠭᠤᠯᠤᠨ᠂ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠨᠢ ᠦᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠤᠲᠤᠷᠠᠬᠢ ᠴᠢᠬᠤᠯᠠ ᠶᠡᠭᠡ ᠠᠵᠢᠯᠯᠠᠭ᠎ᠠ ᠶᠢᠨ | ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠳᠤ ᠬᠡᠷᠡᠭᠯᠡᠭᠳᠡᠨ᠎ᠡ᠃ ᠭᠤᠷᠪᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠴᠢᠬᠤᠯᠠ ᠶᠡᠭᠡ | ᠠᠵᠢᠯᠯᠠᠭ᠎ᠠ ᠶᠢᠨ ᠳᠠᠩᠰᠠ ᠡᠪᠬᠡᠮᠡᠯ ᠭᠡᠳᠡᠭ ᠨᠢ ᠴᠢᠬᠤᠯᠠ ᠶᠡᠭᠡ ᠠᠵᠢᠯᠯᠠᠭ᠎ᠠ ᠳᠤᠮᠳᠠ ᠰᠢᠭᠤᠳ ᠪᠣᠢ ᠪᠣᠯᠣᠭᠰᠠᠨ ᠤᠯᠤᠰ ᠪᠠ ᠨᠡᠶᠢᠭᠡᠮ ᠳᠤ ᠠᠪᠴᠤ ᠬᠡᠯᠡᠪᠡᠯ | ᠬᠠᠳᠠᠭᠠᠯᠠᠬᠤ ᠦᠨ᠎ᠡ ᠥᠷᠲᠡᠭ ᠲᠠᠢ ᠦᠰᠦᠭ ᠪᠢᠴᠢᠭ᠂ ᠵᠢᠷᠤᠭ ᠬᠦᠰᠦᠨᠦᠭᠲᠦ᠂ ᠳᠠᠭᠤ ᠳᠥᠷᠰᠦ᠂ ᠡᠯᠧᠺᠲᠷᠣᠨ ᠪᠢᠴᠢᠭ ᠮᠠᠲ᠋ᠧᠷᠢᠶᠠᠯ᠂ ᠪᠤᠳᠠᠳᠤ ᠶᠠᠭᠤᠮ᠎ᠠ ᠵᠡᠷᠭᠡ | ᠠᠳᠠᠯᠢ ᠪᠤᠰᠤ ᠬᠡᠯᠪᠡᠷᠢ ᠪᠣᠯᠣᠨ ᠠᠴᠢᠶᠠᠯᠠᠪᠤᠷᠢ ᠶᠢᠨ ᠲᠡᠦᠬᠡ ᠶᠢᠨ ᠲᠡᠮᠲᠡᠭᠯᠡᠯ ᠢ ᠵᠢᠭᠠᠵᠤ ᠪᠣᠢ᠃ | ᠳᠥᠷᠪᠡᠳᠦᠭᠡᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠴᠢᠬᠤᠯᠠ ᠶᠡᠭᠡ ᠠᠵᠢᠯᠯᠠᠭ᠎ᠠ ᠭᠡᠳᠡᠭ ᠨᠢ ᠳᠤᠤᠷᠠᠬᠢ ᠠᠵᠢᠯᠯᠠᠭ᠎ᠠ ᠶᠢ ᠵᠢᠭᠠᠵᠤ ᠪᠣᠢ᠄ | ︵ᠨᠢᠭᠡ︶ ᠦᠪᠡᠷᠲᠡᠭᠡᠨ ᠵᠠᠰᠠᠬᠤ ᠣᠷᠣᠨ ᠳᠤ ᠬᠤᠷᠠᠯᠳᠤᠭᠤᠯᠤᠭᠰᠠᠨ ᠤᠯᠤᠰ ᠤᠨ ᠳᠡᠰ ᠤᠨ ᠴᠢᠬᠤᠯᠠ ᠬᠤᠷᠠᠯ︔ | ︵ᠬᠤᠶᠠᠷ︶ ᠨᠠᠮ ᠪᠠ ᠲᠥᠷᠥ ᠶᠢᠨ ᠤᠳᠤᠷᠢᠳᠤᠯᠭ᠎ᠠ ᠨᠠᠷ ᠤᠨ ᠦᠪᠡᠷᠲᠡᠭᠡᠨ ᠵᠠᠰᠠᠬᠤ ᠣᠷᠣᠨ ᠤ ᠲᠤᠳᠤᠷᠠᠬᠢ ᠠᠯᠪᠠᠨ ᠶᠠᠪᠤᠳᠠᠯ ᠤᠨ ᠠᠵᠢᠯᠯᠠᠭ᠎ᠠ︔ | ︵ᠭᠤᠷᠪᠠ︶ ᠭᠠᠳᠠᠭᠠᠲᠤ ᠤᠯᠤᠰ ᠤᠨ ᠲᠡᠷᠢᠭᠦᠨ᠂ ᠵᠠᠰᠠᠭ ᠤᠨ ᠣᠷᠳᠤᠨ ᠤ ᠲᠦᠷᠦᠬᠦᠴᠤᠳ ᠵᠡᠷᠭᠡ ᠳᠡᠭᠡᠳᠦ ᠵᠡᠷᠭᠡ ᠶᠢᠨ ᠤᠯᠤᠰ ᠲᠥᠷᠥ ᠶᠢᠨ ᠡᠲᠡᠭᠡᠳ ᠤᠨ | ᠪᠠ ᠬᠢᠯᠢ ᠶᠢᠨ ᠭᠠᠳᠠᠨᠠᠬᠢ ᠨᠡᠷ᠎ᠠ ᠴᠤᠤᠳᠤ ᠬᠦᠮᠦᠰ᠂ ᠨᠦᠬᠦᠷᠰᠡᠭ ᠪᠦᠯᠬᠦᠮ ᠤᠨ ᠦᠪᠡᠷᠲᠡᠭᠡᠨ ᠵᠠᠰᠠᠬᠤ ᠣᠷᠣᠨ ᠳᠠᠬᠢ ᠪᠠᠶᠢᠴᠠᠭᠠᠬᠤ᠂ ᠠᠶᠢᠯᠴᠢᠯᠠᠬᠤ ᠵᠡᠷᠭᠡ ᠴᠢᠬᠤᠯᠠ | ᠭᠠᠳᠠᠭᠠᠲᠤ ᠶᠠᠪᠤᠳᠠᠯ ᠤᠨ ᠠᠵᠢᠯᠯᠠᠭ᠎ᠠ︔ | ︵ᠳᠥᠷᠪᠡ︶ ᠦᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠵᠠᠰᠠᠭ ᠤᠨ | ᠣᠷᠳᠤᠨ᠂ ᠤᠯᠤᠰ ᠲᠥᠷᠥ ᠶᠢᠨ ᠵᠦᠪᠯᠡᠯᠭᠡᠨ ᠤ ᠬᠤᠷᠠᠯᠳᠤᠭᠤᠯᠤᠭᠰᠠᠨ ᠴᠢᠬᠤᠯᠠ ᠬᠤᠷᠠᠯ︔ | ︵ᠲᠠᠪᠤ︶ ᠳᠡᠭᠡᠳᠦ ᠱᠠᠲᠤᠨ ᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ | ᠵᠦᠪᠯᠡᠯᠭᠡᠨ ᠤ ᠭᠤᠣᠯ ᠬᠠᠷᠢᠭᠤᠴᠠᠯᠭᠠᠲᠠᠨ ᠵᠢᠴᠢ ᠠᠯᠳᠠᠷᠲᠤ ᠡᠷᠳᠡᠮᠲᠡᠨ ᠤ ᠲᠤᠰ ᠵᠠᠰᠠᠭ ᠵᠠᠬᠢᠷᠭᠠᠨ ᠤ ᠣᠷᠣᠨ ᠤ ᠳᠤᠲᠤᠷ᠎ᠠ ᠤᠷᠤᠯᠴᠠᠭᠰᠠᠨ ᠴᠢᠬᠤᠯᠠ ᠬᠤᠷᠠᠯ᠂ | ᠰᠢᠯᠭᠠᠨ ᠪᠠᠶᠢᠴᠠᠭᠠᠯᠲᠠ᠂ ᠪᠠᠶᠢᠴᠠᠭᠠᠯᠲᠠ ᠰᠤᠳᠤᠯᠤᠯᠲᠠ ᠪᠠ ᠠᠵᠢᠯ ᠤᠨ ᠵᠢᠯᠤᠭᠤᠳᠤᠯᠭ᠎ᠠ ᠵᠡᠷᠭᠡ ᠠᠵᠢᠯᠯᠠᠭ᠎ᠠ︔ | ︵ᠵᠢᠷᠭᠤᠭ᠎ᠠ︶ ᠦᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠵᠠᠰᠠᠭ ᠤᠨ | ᠣᠷᠳᠣᠨ᠂ ᠤᠯᠤᠰ ᠲᠥᠷᠥ ᠶᠢᠨ ᠵᠦᠪᠯᠡᠯᠭᠡᠨ ᠤ ᠭᠤᠣᠯ ᠬᠠᠷᠢᠭᠤᠴᠠᠯᠭᠠᠲᠠᠨ ᠭᠠᠳᠠᠭᠠᠲᠤ ᠳᠤ ᠭᠠᠷᠴᠤ ᠠᠶᠢᠯᠴᠢᠯᠠᠬᠰᠠᠨ᠂ ᠰᠢᠯᠭᠠᠨ ᠪᠠᠶᠢᠴᠠᠭᠠᠬᠰᠠᠨ ᠵᠡᠷᠭᠡ ᠭᠠᠳᠠᠭᠠᠲᠤ | ᠶᠠᠪᠤᠳᠠᠯ ᠤᠨ ᠠᠯᠪᠠᠨ ᠶᠠᠪᠤᠳᠠᠯ ᠤᠨ ᠠᠵᠢᠯᠯᠠᠭ᠎ᠠ︔ | ︵ᠳᠤᠯᠤᠭ᠎ᠠ︶ ᠲᠤᠰ ᠵᠠᠰᠠᠭ ᠵᠠᠬᠢᠷᠭᠠᠨ ᠤ ᠣᠷᠣᠨ ᠤ ᠳᠤᠲᠤᠷ᠎ᠠ ᠡᠷᠬᠢᠯᠡᠭᠰᠡᠨ ᠪᠣᠶᠣ ᠳᠠᠭᠠᠭᠠᠨ ᠠᠪᠴᠤ ᠭᠦᠢᠴᠡᠳᠭᠡᠭᠰᠡᠨ ᠠᠵᠤ ᠠᠬᠤᠢ᠂ ᠨᠡᠶᠢᠭᠡᠮ᠂ ᠰᠤᠶᠤᠯ | ᠂ ᠪᠡᠶ᠎ᠡ ᠶᠢᠨ ᠲᠠᠮᠢᠷ᠂ ᠦᠨᠳᠦᠰᠦᠲᠡᠨ᠂ ᠱᠠᠰᠢᠨ ᠰᠤᠷᠲᠠᠬᠤᠨ ᠤ ᠴᠢᠬᠤᠯᠠ ᠶᠡᠭᠡ ᠠᠵᠢᠯᠯᠠᠭ᠎ᠠ︔ | ︵ᠨᠠᠢᠮᠠ︶ ᠲᠤᠰ ᠵᠠᠰᠠᠭ ᠵᠠᠬᠢᠷᠭᠠᠨ ᠤ ᠣᠷᠣᠨ ᠤ ᠲᠤᠳᠤᠷᠠᠬᠢ ᠬᠦᠨᠳᠦ ᠬᠡᠴᠡᠭᠦᠦ ᠪᠠᠶᠢᠭᠠᠯᠢ ᠶᠢᠨ ᠭᠠᠢ ᠭᠠᠮᠰᠢᠭ ᠪᠠ ᠴᠢᠬᠤᠯᠠ ᠶᠡᠭᠡ ᠬᠠᠷᠢᠭᠤᠴᠠᠯᠭ᠎ᠠ ᠶᠢᠨ | ᠠᠳᠡᠯ ᠢ ᠲᠥᠷᠭᠡᠨ ᠠᠪᠤᠷᠠᠵᠤ ᠰᠢᠢᠳᠪᠦᠷᠢᠯᠡᠭᠰᠡᠨ ᠠᠵᠢᠯᠯᠠᠭ᠎ᠠ︔ | ︵ᠶᠢᠰᠦ︶ ᠲᠤᠰ ᠵᠠᠰᠠᠭ ᠵᠠᠬᠢᠷᠭᠠᠨ ᠤ ᠣᠷᠣᠨ ᠤ ᠳᠤᠲᠤᠷᠠᠬᠢ ᠪᠤᠰᠤᠳ ᠴᠢᠬᠤᠯᠠ ᠶᠡᠭᠡ ᠨᠦᠯᠦᠭᠡ ᠲᠠᠢ ᠠᠵᠢᠯᠯᠠᠭ᠎ᠠ᠃ | ᠲᠠᠪᠤᠳᠤᠭᠠᠷ ᠵᠦᠢᠯ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠨᠢ ᠨᠢᠭᠡᠲᠦᠯᠲᠡᠢ ᠵᠣᠬᠢᠴᠠᠭᠤᠯᠬᠤ᠂ ᠰᠢᠮᠳᠠᠭᠤᠯᠤᠨ | ᠵᠢᠯᠤᠭᠤᠳᠬᠤ ᠶᠢ ᠴᠢᠩᠭᠠᠳᠬᠠᠬᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠭᠡᠬᠦ᠂ ᠲᠦᠪᠯᠡᠷᠡᠭᠦᠯᠦᠨ ᠬᠠᠮᠢᠶᠠᠷᠬᠤ᠂ ᠪᠦᠲᠦᠮᠵᠢᠲᠡᠢ ᠠᠰᠢᠭᠯᠠᠬᠤ ᠵᠠᠷᠴᠢᠮ ᠢ | ᠵᠢᠷᠤᠮᠯᠠᠬᠤ ᠬᠡᠷᠡᠭᠲᠡᠢ᠃ | ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠴᠢᠬᠤᠯᠠ ᠶᠡᠭᠡ ᠠᠵᠢᠯᠯᠠᠭ᠎ᠠ ᠶᠢᠨ | ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠤᠨ ᠳᠤᠮᠳᠠᠬᠢ ᠴᠢᠬᠤᠯᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠳᠠᠩᠰᠠ ᠡᠪᠬᠡᠮᠡᠯ ᠤᠨ ᠵᠠᠰᠠᠭ | ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠴᠢᠬᠤᠯᠠ ᠶᠡᠭᠡ ᠠᠵᠢᠯᠯᠠᠭ᠎ᠠ ᠳᠤ ᠣᠷᠤᠯᠴᠠᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ | ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠳᠤ ᠬᠡᠷᠡᠭᠰᠡᠬᠦ ᠵᠠᠷᠤᠳᠠᠯ ᠢ ᠪᠠᠲᠤᠯᠠᠬᠤ ᠬᠡᠷᠡᠭᠲᠡᠢ᠃ | ᠳᠤᠯᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠳᠠᠩᠰᠠ ᠡᠪᠬᠡᠮᠡᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ 365赢多少钱会被限额_国内有真正的365平台吗_365bet博彩官网 | ᠲᠤᠰ ᠵᠠᠰᠠᠭ ᠵᠠᠬᠢᠷᠭᠠᠨ ᠤ ᠣᠷᠣᠨ ᠤ ᠳᠤᠲᠤᠷᠠᠬᠢ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠳᠤ ᠬᠢᠨᠠᠯᠲᠠ ᠲᠠᠯᠪᠢᠬᠤ᠂ ᠵᠢᠯᠤᠭᠤᠳᠤᠯᠭ᠎ᠠ | ᠬᠢᠬᠦ ᠠᠵᠢᠯ ᠢ ᠬᠠᠷᠢᠭᠤᠴᠠᠬᠤ ᠬᠡᠷᠡᠭᠲᠡᠢ᠃ | ᠨᠠᠢᠮᠠᠳᠤᠭᠠᠷ ᠵᠦᠢᠯ ᠴᠢᠬᠤᠯᠠ ᠶᠡᠭᠡ ᠠᠵᠢᠯᠯᠠᠭ᠎ᠠ ᠡᠷᠬᠢᠯᠡᠬᠦ᠂ ᠳᠠᠭᠠᠭᠠᠨ ᠭᠦᠢᠴᠡᠳᠭᠡᠬᠦ ᠨᠢᠭᠡᠴᠡ ᠠᠴᠠ ᠴᠢᠬᠤᠯᠠ ᠶᠡᠭᠡ ᠠᠵᠢᠯᠯᠠᠭ᠎ᠠ ᠶᠢᠨ ᠬᠡᠷᠡᠭᠵᠢᠭᠦᠯᠬᠦ | ᠲᠦᠯᠦᠪᠯᠡᠭᠡ ᠶᠢ ᠲᠣᠭᠲᠠᠭᠠᠬᠤ ᠳᠠᠭᠠᠨ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠤᠨ ᠲᠦᠰᠦᠯ ᠢ ᠵᠡᠷᠭᠡᠪᠡᠷ ᠲᠣᠭᠲᠠᠭᠠᠵᠤ᠂ | ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠶᠢ ᠬᠠᠷᠢᠭᠤᠴᠠᠬᠤ ᠰᠠᠯᠠᠭ᠎ᠠ ᠮᠦᠴᠢᠷ ᠪᠣᠯᠣᠨ ᠬᠦᠮᠦᠰ ᠢ ᠲᠤᠳᠤᠷᠬᠠᠶᠢᠯᠠᠨ᠂ ᠵᠣᠬᠢᠬᠤ ᠳᠠᠩᠰᠠ | ᠡᠪᠬᠡᠮᠡᠯ ᠤᠨ ᠬᠠᠮᠢᠶᠠᠷᠤᠯᠲᠠ ᠶᠢᠨ ᠳᠦᠷᠢᠮ ᠢ ᠲᠣᠭᠲᠠᠭᠠᠨ ᠨᠠᠶᠢᠳᠠᠪᠤᠷᠢᠵᠢᠭᠤᠯᠵᠤ᠂ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠤᠨ ᠪᠦᠷᠢᠨ ᠪᠦᠲᠦᠨ᠂ | ᠤᠨᠤᠪᠴᠢᠲᠠᠢ᠂ ᠰᠢᠰᠲ᠋ᠧᠮ ᠲᠠᠢ ᠪᠠ ᠠᠮᠦᠷ ᠲᠥᠪᠰᠢᠨ ᠪᠠᠶᠢᠬᠤ ᠶᠢ ᠪᠠᠲᠤᠯᠠᠬᠤ ᠬᠡᠷᠡᠭᠲᠡᠢ᠃ | ᠶᠢᠰᠦᠳᠦᠭᠡᠷ ᠵᠦᠢᠯ ᠴᠢᠬᠤᠯᠠ ᠶᠡᠭᠡ ᠠᠵᠢᠯᠯᠠᠭ᠎ᠠ ᠡᠷᠬᠢᠯᠡᠬᠦ᠂ ᠳᠠᠭᠠᠭᠠᠨ ᠭᠦᠢᠴᠡᠳᠭᠡᠬᠦ ᠨᠢᠭᠡᠴᠡ ᠠᠴᠠ ᠴᠢᠬᠤᠯᠠ ᠶᠡᠭᠡ ᠠᠵᠢᠯᠯᠠᠭ᠎ᠠ ᠶᠢᠨ ᠪᠢᠴᠢᠭ | ᠮᠠᠲ᠋ᠧᠷᠢᠶᠠᠯ ᠢ ᠴᠤᠭᠯᠠᠭᠤᠯᠬᠤ᠂ ᠡᠮᠬᠢᠯᠡᠬᠦ᠂ ᠳᠠᠩᠰᠠ ᠡᠪᠬᠡᠮᠡᠯ ᠳᠤ ᠣᠷᠤᠭᠤᠯᠬᠤ᠂ ᠰᠢᠯᠵᠢᠭᠦᠯᠦᠨ ᠲᠤᠰᠢᠶᠠᠬᠤ ᠵᠡᠷᠭᠡ ᠠᠵᠢᠯ ᠢ ᠬᠠᠷᠢᠭᠤᠴᠠᠬᠤ ᠬᠡᠷᠡᠭᠲᠡᠢ᠃ | ᠠᠷᠪᠠᠳᠤᠭᠠᠷ ᠵᠦᠢᠯ ᠴᠢᠬᠤᠯᠠ ᠶᠡᠭᠡ ᠠᠵᠢᠯᠯᠠᠭ᠎ᠠ ᠡᠷᠬᠢᠯᠡᠬᠦ᠂ ᠳᠠᠭᠠᠭᠠᠨ ᠭᠦᠢᠴᠡᠳᠭᠡᠬᠦ ᠨᠢᠭᠡᠴᠡ ᠠᠴᠠ ᠤᠯᠤᠰ ᠤᠨ ᠳᠠᠩᠰᠠ ᠡᠪᠬᠡᠮᠡᠯ ᠤᠨ | ᠬᠠᠮᠢᠶᠠᠷᠤᠯᠲᠠ ᠶᠢᠨ ᠬᠤᠯᠪᠤᠭᠳᠠᠯ ᠪᠦᠬᠦᠢ ᠲᠣᠭᠲᠠᠭᠠᠯ ᠶᠤᠰᠤᠭᠠᠷ ᠴᠢᠬᠤᠯᠠ ᠶᠡᠭᠡ ᠠᠵᠢᠯᠯᠠᠭ᠎ᠠ ᠶᠢᠨ ᠪᠢᠴᠢᠭ ᠮᠠᠲ᠋ᠧᠷᠢᠶᠠᠯ ᠤᠨ ᠳᠠᠩᠰᠠ ᠡᠪᠬᠡᠮᠡᠯ ᠳᠤ ᠣᠷᠤᠭᠤᠯᠬᠤ | ᠬᠡᠪᠴᠢᠶ᠎ᠡ ᠪᠣᠯᠣᠨ ᠬᠠᠳᠠᠭᠠᠯᠠᠨ ᠬᠠᠮᠢᠶᠠᠷᠬᠤ ᠬᠤᠭᠤᠴᠠᠭ᠎ᠠ ᠬᠢᠵᠠᠭᠠᠷ ᠤᠨ ᠬᠦᠰᠦᠨᠦᠭᠲᠦ ᠶᠢ ᠨᠠᠶᠢᠷᠠᠭᠤᠯᠤᠨ ᠵᠣᠬᠢᠶᠠᠬᠤ ᠬᠡᠷᠡᠭᠲᠡᠢ᠃ | ᠴᠢᠬᠤᠯᠠ ᠶᠡᠭᠡ ᠠᠵᠢᠯᠯᠠᠭ᠎ᠠ ᠶᠢᠨ ᠪᠢᠴᠢᠭ ᠮᠠᠲ᠋ᠧᠷᠢᠶᠠᠯ ᠤᠨ ᠳᠠᠩᠰᠠ ᠡᠪᠬᠡᠮᠡᠯ ᠳᠤ ᠣᠷᠤᠭᠤᠯᠬᠤ ᠬᠡᠪᠴᠢᠶᠡᠨ ᠳᠤ ᠪᠠᠭᠳᠠᠬᠳᠠᠬᠤ ᠨᠢ᠄ | ︵ᠨᠢᠭᠡ︶ ᠮᠡᠳᠡᠭᠦᠯᠦᠯᠲᠡ᠂ ᠲᠦᠰᠦᠯ᠂ ᠲᠦᠯᠦᠪᠯᠡᠭᠡ᠂ ᠡᠳᠦᠷ ᠤᠨ ᠳᠠᠷᠠᠭᠠᠯᠠᠯ ᠤᠨ ᠲᠣᠬᠢᠷᠠᠭᠤᠯᠤᠯᠲᠠ᠂ ᠤᠳᠤᠷᠢᠳᠤᠯᠭ᠎ᠠ ᠶᠢᠨ ᠶᠠᠷᠢᠶ᠎ᠠ᠂ ᠪᠢᠴᠢᠭᠡᠰᠦ᠂ | ᠲᠣᠪᠴᠢ ᠮᠡᠳᠡᠭᠡ᠂ ᠤᠬᠠᠭᠤᠯᠭ᠎ᠠ ᠶᠢᠨ ᠮᠡᠳᠡᠭᠡ᠂ ᠳ᠋ᠦᠩᠨᠡᠯᠲᠡ᠂ ᠳᠤᠷᠠᠰᠬᠠᠯ ᠤᠨ ᠲᠡᠪᠲᠡᠷ ᠵᠡᠷᠭᠡ ᠡᠯ᠎ᠡ ᠵᠦᠢᠯ ᠤᠨ ᠪᠢᠴᠢᠭᠯᠡᠭᠰᠡᠨ᠂ ᠡᠯᠧᠺᠲᠷᠣᠨ ᠪᠢᠴᠢᠭ ᠮᠠᠲ᠋ᠧᠷᠢᠶᠠᠯ︔ | | ︵ᠬᠤᠶᠠᠷ︶ ᠳᠠᠭᠤ ᠰᠢᠩᠭᠡᠭᠡᠭᠰᠠᠨ ᠲᠠᠶᠢᠫ᠂ ᠳᠥᠷᠰᠦ ᠰᠢᠩᠭᠡᠭᠡᠭᠰᠡᠨ ᠲᠠᠶᠢᠫ᠂ ᠭᠡᠷᠡᠯ ᠵᠢᠷᠤᠭ᠂ ᠯᠠᠶᠢᠰᠧᠷ ᠫᠠᠨᠰᠠ᠂ ᠹᠢᠯᠢᠮ ᠵᠡᠷᠭᠡ ᠮᠠᠲ᠋ᠧᠷᠢᠶᠠᠯ︔ | ︵ᠭᠤᠷᠪᠠ︶ ᠳᠤᠷᠠᠰᠬᠠᠯ ᠤᠨ ᠦᠨ᠎ᠡ ᠴᠡᠨ᠎ᠡ ᠲᠠᠢ ᠭᠡᠷᠡᠴᠢ ᠪᠠᠷᠢᠮᠲᠠ ᠶᠢᠨ ᠴᠢᠨᠠᠷᠲᠠᠢ ᠪᠠ ᠲᠡᠮᠲᠡᠭ ᠢᠯᠡᠳᠭᠡᠯᠲᠡ ᠶᠢᠨ ᠴᠢᠨᠠᠷᠲᠠᠢ ᠪᠤᠳᠠᠳᠤ ᠶᠠᠭᠤᠮ᠎ᠠ᠂ | ᠡᠭᠦᠨ ᠳᠤ ᠠᠵᠢᠯᠯᠠᠭ᠎ᠠ ᠶᠢᠨ ᠲᠡᠮᠲᠡᠭ ᠢᠯᠡᠳᠭᠡᠯᠲᠡ᠂ ᠭᠡᠷᠡᠴᠢ ᠪᠢᠴᠢᠭ᠂ ᠦᠨᠡᠮᠯᠡᠯ᠂ ᠱᠠᠩᠨᠠᠯ ᠤᠨ ᠬᠤᠨᠳᠠᠭ᠎ᠠ᠂ ᠬᠦᠬᠢᠭᠦᠯᠦᠯ ᠤᠨ ᠪᠢᠴᠢᠭ᠂ ᠮᠧᠲᠡᠯ᠂ ᠱᠠᠩᠨᠠᠯ ᠤᠨ | ᠲᠤᠭ ᠵᠡᠷᠭᠡ ᠪᠠᠭᠳᠠᠨ᠎ᠠ︔ | ︵ᠳᠥᠷᠪᠡ︶ ᠪᠣᠰᠤᠳ ᠬᠠᠳᠠᠭᠠᠯᠠᠬᠤ ᠦᠨ᠎ᠡ ᠥᠷᠲᠡᠭ ᠲᠠᠢ ᠮᠠᠲ᠋ᠧᠷᠢᠶᠠᠯ ᠤᠳ᠃ | ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠤᠨ ᠬᠠᠳᠠᠭᠠᠯᠠᠨ ᠬᠠᠮᠢᠶᠠᠷᠬᠤ ᠬᠤᠭᠤᠴᠠᠭ᠎ᠠ ᠬᠢᠵᠠᠭᠠᠷ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ | ᠶᠤᠰᠤᠭᠠᠷ ᠬᠡᠷᠡᠭᠵᠢᠭᠦᠯᠬᠦ ᠬᠡᠷᠡᠭᠲᠡᠢ᠃ | ᠠᠷᠪᠠᠨ ᠨᠢᠭᠡᠳᠦᠭᠡᠷ ᠵᠦᠢᠯ ᠴᠢᠬᠤᠯᠠ ᠶᠡᠭᠡ ᠠᠵᠢᠯᠯᠠᠭ᠎ᠠ ᠶᠢ ᠲᠣᠭᠲᠠᠭᠰᠠᠨ ᠰᠣᠨᠢᠨ ᠮᠡᠳᠡᠭᠡᠨ ᠤ ᠵᠠᠭᠤᠴᠢᠯᠠᠭᠤᠷ ᠠᠴᠠ ᠳᠦᠷᠰᠦ ᠰᠢᠩᠭᠡᠭᠡᠨ᠂ ᠳᠠᠭᠤ | ᠰᠢᠩᠭᠡᠭᠡᠵᠦ᠂ ᠭᠡᠷᠡᠯ ᠵᠢᠷᠤᠭ ᠲᠠᠲᠠᠪᠠᠯ᠂ ᠰᠣᠨᠢᠨ ᠮᠡᠳᠡᠭᠡᠨ ᠤ ᠵᠠᠭᠤᠴᠢᠯᠠᠭᠤᠷ ᠠᠴᠠ ᠠᠵᠢᠯᠯᠠᠭ᠎ᠠ ᠳᠠᠭᠤᠰᠤᠭᠰᠠᠨ ᠡᠳᠦᠷ ᠠᠴᠠ ᠡᠬᠢᠯᠡᠨ ᠭᠤᠴᠢᠨ ᠠᠵᠢᠯᠯᠠᠬᠤ | ᠡᠳᠦᠷ ᠤᠨ ᠳᠤᠲᠤᠷ᠎ᠠ ᠴᠢᠬᠤᠯᠠ ᠶᠡᠭᠡ ᠠᠵᠢᠯᠯᠠᠭ᠎ᠠ ᠡᠷᠬᠢᠯᠡᠭᠰᠡᠨ᠂ ᠳᠠᠭᠠᠭᠠᠨ ᠭᠦᠢᠴᠡᠳᠭᠡᠭᠰᠡᠨ ᠨᠢᠭᠡᠴᠡ ᠳᠤ ᠨᠢᠭᠡ ᠢᠵᠢ ᠤᠤᠯ ᠤᠨ ᠪᠣᠷᠣ ᠮᠠᠲ᠋ᠧᠷᠢᠶᠠᠯ ᠤᠨ ᠳᠠᠭᠤ 365赢多少钱会被限额_国内有真正的365平台吗_365bet博彩官网 | ᠳᠥᠷᠰᠦ ᠶᠢᠨ ᠳᠠᠩᠰᠠ ᠡᠪᠬᠡᠮᠡᠯ ᠢ ᠰᠢᠯᠵᠢᠭᠦᠯᠦᠨ ᠲᠤᠰᠢᠶᠠᠬᠤ ᠬᠡᠷᠡᠭᠲᠡᠢ᠃ | ᠠᠷᠪᠠᠨ ᠬᠤᠶᠠᠳᠤᠭᠠᠷ ᠵᠦᠢᠯ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠤᠨ ᠬᠠᠷᠢᠶᠠᠯᠠᠭᠳᠠᠬᠤ ᠪᠠ ᠰᠢᠯᠵᠢᠭᠦᠯᠦᠨ ᠲᠤᠰᠢᠶᠠᠬᠤ ᠳᠤ᠄ | ︵ᠨᠢᠭᠡ︶ ᠴᠢᠬᠤᠯᠠ ᠶᠡᠭᠡ ᠠᠵᠢᠯᠯᠠᠭ᠎ᠠ ᠶᠢ ᠨᠢᠭᠡ ᠨᠢᠭᠡᠴᠡ ᠠᠴᠠ ᠡᠷᠬᠢᠯᠡᠵᠦ᠂ ᠳᠠᠭᠠᠭᠠᠨ ᠭᠦᠢᠴᠡᠳᠭᠡᠭᠰᠡᠨ ᠪᠠᠶᠢᠪᠠᠯ᠂ ᠴᠢᠬᠤᠯᠠ ᠶᠡᠭᠡ ᠠᠵᠢᠯᠯᠠᠭ᠎ᠠ ᠶᠢᠨ | ᠳᠠᠩᠰᠠ ᠡᠪᠬᠡᠮᠡᠯ ᠢ ᠲᠤᠰ ᠨᠢᠭᠡᠴᠡ ᠶᠢᠨ ᠳᠠᠩᠰᠠ ᠡᠪᠬᠡᠮᠡᠯ ᠤᠨ ᠪᠦᠷᠢᠨ ᠡᠪᠬᠡᠮᠡᠯ ᠳᠤ ᠣᠷᠤᠭᠤᠯᠵᠤ᠂ ᠲᠣᠭᠲᠠᠭᠠᠯ ᠶᠤᠰᠤᠭᠠᠷ ᠠᠳᠠᠯᠢ ᠱᠠᠲᠤᠨ ᠤ ᠤᠯᠤᠰ ᠤᠨ | ᠶᠡᠷᠦᠩᠬᠡᠶᠢᠯᠡᠭᠰᠡᠨ ᠳᠠᠩᠰᠠ ᠡᠪᠬᠡᠮᠡᠯ ᠤᠨ ᠭᠠᠵᠠᠷ ᠲᠤ ᠰᠢᠯᠵᠢᠭᠦᠯᠦᠨ ᠲᠤᠰᠢᠶᠠᠬᠤ ᠬᠡᠷᠡᠭᠲᠡᠢ︔ | ︵ᠬᠤᠶᠠᠷ︶ ᠴᠢᠬᠤᠯᠠ ᠶᠡᠭᠡ ᠠᠵᠢᠯᠯᠠᠭ᠎ᠠ ᠶᠢ ᠬᠤᠶᠠᠷ ᠠᠴᠠ ᠳᠡᠭᠡᠭᠰᠢᠬᠢ ᠨᠢᠭᠡᠴᠡ ᠠᠴᠠ ᠬᠠᠮᠲᠤᠷᠠᠨ ᠡᠷᠬᠢᠯᠡᠵᠦ᠂ ᠳᠠᠭᠠᠭᠠᠨ ᠭᠦᠢᠴᠡᠳᠭᠡᠭᠰᠡᠨ ᠪᠠᠶᠢᠪᠠᠯ᠂ | ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠢ ᠲᠦᠷᠦᠭᠦᠯᠡᠬᠦ ᠨᠢᠭᠡᠴᠡ ᠶᠢᠨ ᠳᠠᠩᠰᠠ ᠡᠪᠬᠡᠮᠡᠯ ᠤᠨ ᠪᠦᠷᠢᠨ ᠡᠪᠬᠡᠮᠡᠯ ᠳᠤ ᠣᠷᠤᠭᠤᠯᠵᠤ᠂ ᠲᠣᠭᠲᠠᠭᠠᠯ ᠶᠤᠰᠤᠭᠠᠷ | ᠠᠳᠠᠯᠢ ᠱᠠᠲᠤᠨ ᠤ ᠤᠯᠤᠰ ᠤᠨ ᠶᠡᠷᠦᠩᠬᠡᠶᠢᠯᠡᠭᠰᠡᠨ ᠳᠠᠩᠰᠠ ᠡᠪᠬᠡᠮᠡᠯ ᠤᠨ ᠭᠠᠵᠠᠷ ᠲᠤ ᠰᠢᠯᠵᠢᠭᠦᠯᠦᠨ ᠲᠤᠰᠢᠶᠠᠬᠤ ᠬᠡᠷᠡᠭᠲᠡᠢ︔ ᠣᠷᠣᠯᠴᠠᠭᠰᠠᠨ ᠨᠢᠭᠡᠴᠡ ᠨᠢ ᠴᠢᠬᠤᠯᠠ | ᠶᠡᠭᠡ ᠠᠵᠢᠯᠯᠠᠭ᠎ᠠ ᠳᠤᠮᠳᠠ ᠪᠣᠢ ᠪᠣᠯᠣᠭᠰᠠᠨ ᠲᠤᠰ ᠨᠢᠭᠡᠴᠡ ᠶᠢᠨ ᠢᠶᠠᠨ ᠪᠢᠴᠢᠭ ᠮᠠᠲ᠋ᠧᠷᠢᠶᠠᠯ ᠢ ᠴᠠᠭ ᠲᠣᠬᠠᠢ ᠳᠤᠨᠢ ᠴᠤᠭᠯᠠᠭᠤᠯᠤᠨ ᠡᠮᠬᠢᠯᠡᠬᠦ ᠶᠢᠨ ᠬᠠᠮᠲᠤ ᠠᠵᠢᠯᠯᠠᠭ᠎ᠠ | ᠳᠠᠭᠤᠰᠤᠭᠰᠠᠨ ᠡᠳᠦᠷ ᠠᠴᠠ ᠡᠬᠢᠯᠡᠨ ᠭᠤᠴᠢᠨ ᠠᠵᠢᠯᠯᠠᠬᠤ ᠡᠳᠦᠷ ᠤᠨ ᠳᠤᠲᠤᠷ᠎ᠠ ᠲᠦᠷᠦᠭᠦᠯᠡᠬᠦ ᠨᠢᠭᠡᠴᠡ ᠳᠤ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠢ | ᠰᠢᠯᠵᠢᠭᠦᠯᠦᠨ ᠲᠤᠰᠢᠶᠠᠵᠤ᠂ ᠵᠣᠬᠢᠬᠤ ᠬᠠᠭᠤᠯᠪᠤᠷᠢ ᠮᠠᠲ᠋ᠧᠷᠢᠶᠠᠯ ᠪᠣᠶᠣ ᠪᠣᠰᠣᠳ ᠬᠡᠯᠪᠡᠷᠢ ᠶᠢᠨ ᠳᠡᠳ᠋ ᠲᠡᠪᠲᠡᠷ ᠢ ᠳᠠᠩᠰᠠ ᠡᠪᠬᠡᠮᠡᠯ ᠳᠤ ᠣᠷᠤᠭᠤᠯᠬᠤ ᠬᠡᠷᠡᠭᠲᠡᠢ︔ | ︵ᠭᠤᠷᠪᠠ︶ ᠴᠢᠬᠤᠯᠠ ᠶᠡᠭᠡ ᠠᠵᠢᠯᠯᠠᠭ᠎ᠠ ᠨᠢ ᠲᠦᠷ ᠴᠠᠭ ᠤᠨ ᠪᠠᠶᠢᠭᠤᠯᠤᠮᠵᠢ ᠲᠣᠬᠢᠷᠠᠭᠤᠯᠤᠭᠰᠠᠨ ᠪᠠᠶᠢᠪᠠᠯ᠂ ᠲᠦᠷ ᠴᠠᠭ ᠤᠨ ᠪᠠᠶᠢᠭᠤᠯᠤᠮᠵᠢ ᠠᠴᠠ ᠴᠢᠬᠤᠯᠠ | ᠶᠡᠭᠡ ᠠᠵᠢᠯᠯᠠᠭ᠎ᠠ ᠳᠤᠮᠳᠠ ᠪᠣᠢ ᠪᠣᠯᠣᠭᠰᠠᠨ ᠪᠢᠴᠢᠭ ᠮᠠᠲ᠋ᠧᠷᠢᠶᠠᠯ ᠢ ᠴᠤᠭᠯᠠᠭᠤᠯᠤᠨ ᠡᠮᠬᠢᠯᠡᠬᠦ ᠶᠢ ᠬᠠᠷᠢᠭᠤᠴᠠᠬᠤ ᠶᠢᠨ ᠬᠠᠮᠲᠤ᠂ ᠴᠢᠬᠤᠯᠠ ᠶᠡᠭᠡ ᠠᠵᠢᠯᠯᠠᠭ᠎ᠠ | ᠳᠠᠭᠤᠰᠤᠭᠰᠠᠨ ᠡᠳᠦᠷ ᠠᠴᠠ ᠡᠬᠢᠯᠡᠨ ᠭᠤᠷᠪᠠᠨ ᠰᠠᠷ᠎ᠠ ᠶᠢᠨ ᠳᠤᠲᠤᠷ᠎ᠠ ᠪᠣᠶᠣ ᠲᠦᠷ ᠴᠠᠭ ᠤᠨ ᠪᠠᠶᠢᠭᠤᠯᠤᠮᠵᠢ ᠶᠢ ᠬᠦᠴᠦᠨ ᠦᠭᠡᠢ ᠪᠣᠯᠭᠠᠬᠤ ᠦᠶᠡᠰ ᠲᠤ ᠠᠳᠠᠯᠢ | ᠱᠠᠲᠤᠨ ᠤ ᠤᠯᠤᠰ ᠤᠨ ᠶᠡᠷᠦᠩᠬᠡᠶᠢᠯᠡᠭᠰᠡᠨ ᠳᠠᠩᠰᠠ ᠡᠪᠬᠡᠮᠡᠯ ᠤᠨ ᠭᠠᠵᠠᠷ ᠲᠤ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠢ ᠰᠢᠯᠵᠢᠭᠦᠯᠦᠨ ᠲᠤᠰᠢᠶᠠᠬᠤ | ᠬᠡᠷᠡᠭᠲᠡᠢ᠃ | ᠠᠷᠪᠠᠨ ᠭᠤᠷᠪᠠᠳᠤᠭᠠᠷ ᠵᠦᠢᠯ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠢ ᠬᠠᠳᠠᠭᠠᠯᠠᠨ ᠬᠠᠮᠢᠶᠠᠷᠴᠤ ᠪᠠᠶᠢᠭ᠎ᠠ ᠨᠢᠭᠡᠴᠡ ᠠᠴᠠ ᠪᠦᠲᠦᠮᠵᠢᠲᠡᠢ ᠠᠷᠭ᠎ᠠ | ᠬᠡᠮᠵᠢᠶ᠎ᠡ ᠠᠪᠴᠤ ᠪᠠᠶᠢᠭᠠᠳ ᠳᠠᠩᠰᠠ ᠡᠪᠬᠡᠮᠡᠯ ᠤᠨ ᠠᠮᠦᠷ ᠲᠥᠪᠰᠢᠨ ᠢ ᠦᠨᠡᠨᠬᠦ ᠪᠠᠲᠤᠯᠠᠬᠤ ᠬᠡᠷᠡᠭᠲᠡᠢ᠃ | ᠠᠷᠪᠠᠨ ᠳᠥᠷᠪᠡᠳᠦᠭᠡᠷ ᠵᠦᠢᠯ ᠪᠤᠰᠤᠳ ᠵᠣᠬᠢᠶᠠᠨ ᠪᠠᠶᠢᠭᠤᠯᠤᠯᠲᠠ ᠪᠣᠯᠣᠨ ᠬᠤᠪᠢ ᠬᠦᠮᠦᠨ ᠨᠢ ᠲᠡᠭᠦᠨ ᠳᠤ ᠬᠠᠷᠢᠶᠠᠯᠠᠭᠳᠠᠭᠰᠠᠨ᠂ ᠤᠯᠤᠰ ᠪᠠ ᠨᠡᠶᠢᠭᠡᠮ ᠳᠤ | ᠠᠪᠴᠤ ᠬᠡᠯᠡᠪᠡᠯ ᠬᠠᠳᠠᠭᠠᠯᠠᠬᠤ ᠦᠨ᠎ᠡ ᠥᠷᠲᠡᠭ ᠲᠠᠢ ᠪᠣᠶᠣ ᠨᠢᠭᠤᠴᠠ ᠶᠢ ᠬᠠᠮᠠᠭᠠᠯᠠᠬᠤ ᠴᠢᠬᠤᠯᠠ ᠲᠠᠢ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠢ ᠲᠣᠬᠢᠲᠠᠢ | ᠬᠠᠳᠠᠭᠠᠯᠠᠨ ᠬᠠᠮᠢᠶᠠᠷᠴᠤ᠂ ᠤᠯᠤᠰ ᠤᠨ ᠨᠢᠭᠤᠴᠠ ᠳᠤ ᠬᠤᠯᠪᠤᠭᠳᠠᠭᠰᠠᠨ ᠢ ᠪᠤᠯ ᠤᠯᠤᠰ ᠤᠨ ᠨᠢᠭᠤᠴᠠ ᠶᠢ ᠬᠠᠮᠠᠭᠠᠯᠠᠬᠤ ᠬᠤᠯᠪᠣᠭᠳᠠᠯ ᠪᠦᠬᠦᠢ ᠲᠣᠭᠲᠠᠭᠠᠯ ᠶᠤᠰᠤᠭᠠᠷ | ᠬᠠᠮᠢᠶᠠᠷᠬᠤ ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠳᠠᠩᠰᠠ ᠡᠪᠬᠡᠮᠡᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠵᠥᠪᠰᠢᠶᠡᠷᠡᠯ | ᠦᠭᠡᠢ ᠪᠠᠷ᠂ ᠤᠯᠤᠰ ᠤᠨ ᠶᠡᠷᠦᠩᠬᠡᠶᠢᠯᠡᠭᠰᠡᠨ ᠳᠠᠩᠰᠠ ᠡᠪᠬᠡᠮᠡᠯ ᠤᠨ ᠭᠠᠵᠠᠷ ᠠᠴᠠ ᠪᠤᠰᠤᠳ ᠶᠠᠮᠠᠷᠪᠠ ᠨᠢᠭᠡᠴᠡ ᠪᠣᠶᠣ ᠬᠤᠪᠢ ᠬᠦᠮᠦᠨ ᠳᠤ ᠴᠢᠬᠤᠯᠠ ᠶᠡᠭᠡ | ᠠᠵᠢᠯᠯᠠᠭ᠎ᠠ ᠶᠢᠨ ᠳᠠᠩᠰᠠ ᠡᠪᠬᠡᠮᠡᠯ ᠢ ᠪᠣᠷᠤᠯᠠᠭᠤᠯᠵᠤ᠂ ᠰᠢᠯᠵᠢᠭᠦᠯᠦᠨ ᠥᠭᠬᠦ᠂ ᠪᠡᠯᠡᠭᠯᠡᠨ ᠬᠦᠷᠭᠡᠵᠦ ᠪᠣᠯᠬᠤ ᠦᠭᠡᠢ᠂ ᠳᠤᠷ᠎ᠠ ᠪᠠᠷ ᠢᠶᠠᠨ ᠠᠪᠴᠤ ᠬᠢᠯᠢ ᠠᠴᠠ ᠭᠠᠷᠴᠤ | ᠪᠣᠯᠬᠤ ᠦᠭᠡᠢ᠃ | ᠳᠡᠭᠡᠷ᠎ᠡ ᠲᠤᠷᠠᠳᠤᠬᠰᠠᠨ ᠪᠤᠰᠤᠳ ᠵᠣᠬᠢᠶᠠᠨ ᠪᠠᠶᠢᠭᠤᠯᠤᠯᠲᠠ ᠪᠠ ᠬᠤᠪᠢ ᠬᠦᠮᠦᠨ ᠨᠢ ᠬᠠᠳᠠᠭᠠᠯᠠᠨ ᠬᠠᠮᠢᠶᠠᠷᠬᠤ ᠨᠦᠬᠦᠴᠡᠯ ᠵᠡᠷᠭᠡ ᠪᠤᠰᠤᠳ ᠰᠢᠯᠲᠠᠭᠠᠨ ᠠᠴᠠ | ᠪᠣᠯᠵᠤ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠢ ᠠᠮᠦᠷ ᠲᠥᠪᠰᠢᠨ ᠬᠠᠳᠠᠭᠠᠯᠠᠨ ᠬᠠᠮᠢᠶᠠᠷᠬᠤ ᠳᠤ ᠠᠰᠢᠭ ᠦᠭᠡᠢ ᠪᠠᠶᠢᠪᠠᠯ᠂ ᠳᠠᠩᠰᠠ ᠡᠪᠬᠡᠮᠡᠯ ᠤᠨ ᠵᠠᠰᠠᠭ | ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠬᠠᠤᠯᠢ ᠶᠤᠰᠤᠭᠠᠷ ᠣᠷᠣᠯᠠᠨ ᠬᠠᠳᠠᠭᠠᠯᠠᠵᠤ ᠬᠠᠮᠢᠶᠠᠷᠬᠤ᠂ ᠬᠤᠳᠠᠯᠳᠤᠨ ᠠᠪᠬᠤ᠂ ᠲᠠᠲᠠᠪᠤᠷᠢᠯᠠᠨ ᠠᠪᠬᠤ | ᠵᠡᠷᠭᠡ ᠠᠷᠭ᠎ᠠ ᠬᠡᠮᠵᠢᠶ᠎ᠡ ᠶᠢ ᠠᠪᠴᠤ ᠪᠠᠶᠢᠭᠠᠳ ᠳᠠᠩᠰᠠ ᠡᠪᠬᠡᠮᠡᠯ ᠤᠨ ᠪᠦᠷᠢᠨ ᠪᠦᠲᠦᠨ ᠬᠢᠭᠡᠳ ᠠᠮᠦᠷ ᠲᠥᠪᠰᠢᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ | ᠠᠷᠪᠠᠨ ᠲᠠᠪᠤᠳᠤᠭᠠᠷ ᠵᠦᠢᠯ ᠪᠤᠰᠤᠳ ᠵᠣᠬᠢᠶᠠᠨ ᠪᠠᠶᠢᠭᠤᠯᠤᠯᠲᠠ ᠪᠣᠯᠣᠨ ᠬᠤᠪᠢ ᠬᠦᠮᠦᠨ ᠢ ᠵᠤᠷᠢᠬᠵᠢᠭᠤᠯᠵᠦ ᠪᠠᠶᠢᠭᠠᠳ ᠤᠯᠤᠰ ᠤᠨ ᠶᠡᠷᠦᠩᠬᠡᠶᠢᠯᠡᠭᠰᠡᠨ | ᠳᠠᠩᠰᠠ ᠡᠪᠬᠡᠮᠡᠯ ᠤᠨ ᠭᠠᠵᠠᠷ ᠲᠤ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠪᠡᠯᠡᠭᠯᠡᠨ ᠬᠦᠷᠭᠡᠬᠦ᠂ ᠲᠦᠷ ᠬᠠᠳᠠᠭᠠᠯᠠᠭᠤᠯᠬᠤ ᠬᠡᠷᠡᠭᠲᠡᠢ᠃ ᠪᠡᠯᠡᠭᠯᠡᠨ | ᠬᠦᠷᠭᠡᠭᠴᠢ᠂ ᠲᠦᠷ ᠬᠠᠳᠠᠭᠠᠯᠠᠭᠴᠢ ᠠᠴᠠ ᠪᠡᠯᠡᠭᠯᠡᠨ ᠬᠦᠷᠭᠡᠭᠰᠡᠨ᠂ ᠲᠦᠷ ᠬᠠᠳᠠᠭᠠᠯᠠᠭᠰᠠᠨ ᠳᠠᠩᠰᠠ ᠡᠪᠬᠡᠮᠡᠯ ᠢᠶᠠᠨ ᠤᠷᠢᠳᠠᠪᠠᠷ ᠠᠰᠢᠭᠯᠠᠬᠤ ᠡᠷᠬᠡ ᠲᠠᠢ᠃ | ᠲᠦᠷ ᠬᠠᠳᠠᠭᠠᠯᠠᠵᠤ ᠪᠠᠶᠢᠭ᠎ᠠ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠢ ᠤᠯᠤᠰ ᠤᠨ ᠶᠡᠷᠦᠩᠬᠡᠶᠢᠯᠡᠭᠰᠡᠨ ᠳᠠᠩᠰᠠ ᠡᠪᠬᠡᠮᠡᠯ ᠤᠨ ᠭᠠᠵᠠᠷ ᠠᠴᠠ | ᠬᠠᠩᠭᠠᠵᠤ ᠠᠰᠢᠭᠯᠠᠬᠤ ᠳᠠᠭᠠᠨ ᠡᠷᠬᠡᠪᠰᠢ ᠲᠦᠷ ᠬᠠᠳᠠᠭᠠᠯᠠᠭᠤᠯᠤᠭᠴᠢ ᠶᠢᠨ ᠵᠥᠪᠰᠢᠶᠡᠷᠡᠯ ᠢ ᠣᠯᠬᠤ ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠴᠢᠬᠤᠯᠠ ᠶᠡᠭᠡ ᠠᠵᠢᠯᠯᠠᠭ᠎ᠠ ᠶᠢ ᠡᠷᠬᠢᠯᠡᠭᠰᠡᠨ᠂ ᠳᠠᠭᠠᠭᠠᠨ ᠭᠦᠢᠴᠡᠳᠭᠡᠭᠰᠡᠨ ᠨᠢᠭᠡᠴᠡ ᠵᠢᠴᠢ ᠴᠢᠬᠤᠯᠠ ᠶᠡᠭᠡ ᠠᠵᠢᠯᠯᠠᠭ᠎ᠠ ᠶᠢᠨ | ᠳᠠᠩᠰᠠ ᠡᠪᠬᠡᠮᠡᠯ ᠢ ᠬᠠᠳᠠᠭᠠᠯᠠᠳᠠᠭ ᠤᠯᠤᠰ ᠤᠨ ᠶᠡᠷᠦᠩᠬᠡᠶᠢᠯᠡᠭᠰᠡᠨ ᠳᠠᠩᠰᠠ ᠡᠪᠬᠡᠮᠡᠯ ᠤᠨ ᠭᠠᠵᠠᠷ ᠨᠢ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠤᠨ ᠲᠤᠰᠬᠠᠢ | ᠰᠡᠳᠦᠪᠲᠦ ᠭᠠᠷᠴᠠᠭ ᠢ ᠪᠠᠶᠢᠭᠤᠯᠵᠤ᠂ ᠤᠳᠤᠬᠢᠴᠢᠯᠠᠭᠰᠠᠨ ᠬᠠᠮᠢᠶᠠᠷᠤᠯᠲᠠ ᠶᠢᠨ ᠮᠡᠷᠭᠡᠵᠢᠯ ᠢ ᠠᠰᠢᠭᠯᠠᠨ᠂ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠢ ᠨᠡᠭᠡᠭᠡᠨ | ᠬᠥᠭᠵᠢᠭᠦᠯᠵᠦ ᠠᠰᠢᠭᠯᠠᠬᠤ ᠶᠢ ᠰᠠᠶᠢᠲᠤᠷ ᠬᠢᠬᠦ ᠬᠡᠷᠡᠭᠲᠡᠢ᠃ | ᠠᠷᠪᠠᠨ ᠳᠤᠯᠤᠳᠤᠭᠠᠷ ᠵᠦᠢᠯ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠢ ᠴᠤᠭᠯᠠᠭᠤᠯᠬᠤ᠂ ᠡᠮᠬᠢᠯᠡᠬᠦ᠂ ᠰᠢᠯᠵᠢᠭᠦᠯᠦᠨ ᠲᠤᠰᠢᠶᠠᠬᠤ᠂ ᠬᠠᠳᠠᠭᠠᠯᠠᠨ | ᠬᠠᠮᠢᠶᠠᠷᠬᠤ ᠪᠠ ᠬᠠᠩᠭᠠᠨ ᠠᠰᠢᠭᠯᠠᠬᠤ ᠵᠡᠷᠭᠡ ᠠᠵᠢᠯ ᠤᠨ ᠳᠤᠮᠳᠠ ᠳᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠡ ᠪᠣᠯᠣᠨ ᠬᠤᠪᠢ ᠬᠦᠮᠦᠨ ᠢ ᠬᠤᠰᠢᠭᠤ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠤᠨ ᠪᠣᠶᠣ ᠬᠤᠯᠪᠣᠭᠳᠠᠯ ᠪᠦᠬᠦᠢ ᠰᠠᠯᠠᠭ᠎ᠠ ᠮᠦᠴᠢᠷ ᠠᠴᠠ ᠬᠦᠬᠢᠭᠦᠯᠦᠨ ᠱᠠᠩᠨᠠᠬᠤ ᠬᠡᠷᠡᠭᠲᠡᠢ᠃ | ᠠᠷᠪᠠᠨ ᠨᠠᠢᠮᠠᠳᠤᠭᠠᠷ ᠵᠦᠢᠯ ᠳᠣᠣᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ | ᠳᠠᠩᠰᠠ ᠡᠪᠬᠡᠮᠡᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠬᠡᠷᠡᠭᠲᠡᠢ︔ | ᠬᠤᠭᠤᠴᠠᠭ᠎ᠠ ᠨᠢ ᠬᠡᠲᠦᠷᠡᠭᠡᠳ ᠦᠯᠦ ᠵᠠᠯᠠᠷᠠᠭᠤᠯᠤᠭᠰᠠᠨ ᠢ ᠮᠡᠳᠡᠭᠡᠯᠡᠨ ᠰᠢᠭᠦᠮᠵᠢᠯᠡᠬᠦ ᠶᠢᠨ ᠬᠠᠮᠲᠤ᠂ ᠬᠤᠯᠪᠣᠭᠳᠠᠯ ᠪᠦᠬᠦᠢ ᠪᠠᠶᠢᠭᠤᠯᠭ᠎ᠠ ᠠᠴᠠ ᠰᠢᠭᠤᠳ ᠬᠠᠷᠢᠭᠤᠴᠠᠵᠤ | ᠪᠠᠶᠢᠭ᠎ᠠ ᠭᠤᠣᠯᠴᠢᠯᠠᠨ ᠬᠠᠮᠢᠶᠠᠷᠤᠭᠴᠢ ᠪᠣᠶᠣ ᠪᠤᠰᠤᠳ ᠰᠢᠭᠤᠳ ᠬᠠᠷᠢᠭᠤᠴᠠᠯᠭᠠᠲᠠᠨ ᠳᠤ ᠰᠢᠳᠭᠡᠯ ᠥᠭᠬᠦ ᠬᠡᠷᠡᠭᠲᠡᠢ︔ | ︵ᠨᠢᠭᠡ︶ ᠴᠢᠬᠤᠯᠠ ᠶᠡᠭᠡ ᠠᠵᠢᠯᠯᠠᠭ᠎ᠠ ᠡᠷᠬᠢᠯᠡᠭᠰᠡᠨ᠂ ᠳᠠᠭᠠᠭᠠᠨ ᠭᠦᠢᠴᠡᠳᠭᠡᠭᠰᠡᠨ ᠨᠢᠭᠡᠴᠡ ᠨᠢ ᠳᠠᠩᠰᠠ ᠡᠪᠬᠡᠮᠡᠯ ᠤᠨ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠬᠢᠨᠠᠯᠲᠠ ᠲᠠᠯᠪᠢᠯᠲᠠ᠂ ᠵᠢᠯᠣᠭᠤᠳᠤᠯᠭ᠎ᠠ ᠶᠢ ᠬᠦᠯᠢᠶᠡᠬᠦ ᠦᠭᠡᠢ ᠮᠦᠷᠲᠡᠭᠡᠨ ᠴᠢᠬᠤᠯᠠ ᠶᠡᠭᠡ ᠠᠵᠢᠯᠯᠠᠭ᠎ᠠ ᠶᠢᠨ ᠳᠠᠩᠰᠠ | ᠡᠪᠬᠡᠮᠡᠯ ᠤᠨ ᠮᠠᠲ᠋ᠧᠷᠢᠶᠠᠯ ᠢ ᠬᠤᠬᠢᠷᠠᠯ ᠳᠤ ᠤᠴᠠᠷᠠᠭᠤᠯᠤᠭᠰᠠᠨ︔ | ︵ᠬᠤᠶᠠᠷ︶ ᠴᠢᠬᠤᠯᠠ ᠶᠡᠭᠡ ᠠᠵᠢᠯᠯᠠᠭ᠎ᠠ ᠶᠢᠨ ᠬᠤᠭᠤᠴᠠᠭᠠᠨ ᠳᠤ ᠳᠠᠩᠰᠠ ᠡᠪᠬᠡᠮᠡᠯ ᠢ ᠴᠤᠭᠯᠠᠭᠤᠯᠬᠤ᠂ ᠡᠮᠬᠢᠯᠡᠬᠦ ᠠᠵᠢᠯ ᠢ ᠲᠣᠭᠲᠠᠭᠠᠯ ᠶᠤᠰᠤᠭᠠᠷ | ᠦᠷᠨᠢᠭᠦᠯᠦᠭᠰᠡᠨ ᠦᠭᠡᠢ︔ | ︵ᠭᠤᠷᠪᠠ︶ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠢ ᠲᠣᠭᠲᠠᠭᠠᠯ ᠶᠤᠰᠤᠭᠠᠷ ᠰᠢᠯᠵᠢᠭᠦᠯᠦᠨ ᠲᠤᠰᠢᠶᠠᠭᠰᠠᠨ ᠦᠭᠡᠢ ᠪᠣᠶᠣ ᠳᠠᠩᠰᠠ ᠡᠪᠬᠡᠮᠡᠯ ᠢ | ᠪᠦᠷᠢᠨ ᠪᠦᠲᠦᠨ ᠢᠶᠠᠷ ᠨᠢ ᠰᠢᠯᠵᠢᠭᠦᠯᠦᠨ ᠲᠤᠰᠢᠶᠠᠭᠰᠠᠨ ᠦᠭᠡᠢ︔ ︵ᠳᠥᠷᠪᠡ︶ ᠲᠤᠰ ᠠᠷᠭ᠎ᠠ ᠶᠢᠨ ᠲᠣᠭᠲᠠᠭᠠᠯ ᠢ ᠵᠦᠷᠢᠴᠡᠭᠰᠡᠨ ᠪᠤᠰᠤᠳ ᠦᠢᠯᠡ | ᠠᠵᠢᠯᠯᠠᠭ᠎ᠠ᠃ | ᠠᠷᠪᠠ ᠶᠢᠰᠦᠳᠦᠭᠡᠷ ᠵᠦᠢᠯ ᠳᠣᠣᠷᠠᠬᠢ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠳᠠᠩᠰᠠ ᠡᠪᠬᠡᠮᠡᠯ ᠤᠨ | ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠮᠡᠳᠡᠭᠡᠯᠡᠨ ᠰᠢᠭᠦᠮᠵᠢᠯᠡᠬᠦ ᠶᠢᠨ ᠬᠠᠮᠲᠤ᠂ ᠬᠤᠯᠪᠤᠭᠳᠠᠯ ᠪᠦᠬᠦᠢ ᠪᠠᠶᠢᠭᠤᠯᠭ᠎ᠠ ᠠᠴᠠ ᠰᠢᠭᠤᠳ | ᠬᠠᠷᠢᠭᠤᠴᠠᠵᠤ ᠪᠠᠶᠢᠭ᠎ᠠ ᠭᠤᠣᠯᠴᠢᠯᠠᠨ ᠬᠠᠮᠢᠶᠠᠷᠤᠭᠴᠢ ᠪᠤᠶᠤ ᠪᠤᠰᠤᠳ ᠰᠢᠭᠤᠳ ᠬᠠᠷᠢᠭᠤᠴᠠᠯᠭᠠᠲᠠᠨ ᠳᠤ ᠰᠢᠳᠭᠡᠯ ᠥᠭᠴᠦ᠂ ᠡᠭᠦᠨ ᠤ ᠬᠠᠮᠲᠤ ᠬᠤᠯᠪᠤᠭᠳᠠᠯ ᠪᠦᠬᠦᠢ | ᠳᠠᠩᠰᠠ ᠡᠪᠬᠡᠮᠡᠯ ᠤᠨ ᠦᠨ᠎ᠡ ᠥᠷᠲᠡᠭ ᠪᠠ ᠲᠤᠭ᠎ᠠ ᠬᠡᠮᠵᠢᠶ᠎ᠠ ᠶᠢ ᠦᠨᠳᠦᠰᠦᠯᠡᠨ᠂ ᠬᠠᠤᠯᠢ ᠶᠤᠰᠤᠭᠠᠷ ᠬᠤᠪᠢ ᠬᠦᠮᠦᠨ ᠢ 500 ᠲᠦᠭᠦᠷᠢᠭ ᠠᠴᠠ ᠳᠡᠭᠡᠭᠰᠢ 5000 | ᠲᠦᠭᠦᠷᠢᠭ ᠠᠴᠠ ᠳᠣᠷᠤᠭᠰᠢ ᠵᠤᠭᠤᠰ ᠢᠶᠠᠷ ᠲᠣᠷᠭᠠᠨ᠎ᠠ︔ ᠬᠤᠬᠢᠷᠠᠯ ᠳᠤ ᠤᠴᠠᠷᠠᠭᠤᠯᠤᠭᠰᠠᠨ ᠪᠠᠶᠢᠪᠠᠯ᠂ ᠬᠠᠤᠯᠢ ᠶᠤᠰᠤᠭᠠᠷ ᠲᠦᠯᠦᠬᠦ ᠬᠠᠷᠢᠭᠤᠴᠠᠯᠭ᠎ᠠ ᠶᠢ ᠡᠭᠦᠷᠭᠡᠯᠡᠬᠦ | ᠬᠡᠷᠡᠭᠲᠡᠢ︔ ᠶᠠᠯ᠎ᠠ ᠳᠤ ᠬᠦᠷᠦᠭᠰᠡᠨ ᠪᠠᠶᠢᠪᠠᠯ᠂ ᠬᠠᠤᠯᠢ ᠶᠤᠰᠤᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠢ︔ | ︵ᠨᠢᠭᠡ︶ ᠤᠯᠤᠰ ᠤᠨ ᠦᠮᠴᠢᠯᠡᠯ ᠳᠤ ᠬᠠᠷᠢᠶᠠᠯᠠᠭᠳᠠᠬᠤ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠢ ᠪᠠᠯᠠᠯᠤᠨ ᠵᠠᠰᠠᠬᠤ᠂ ᠬᠠᠭᠤᠷᠮᠠᠭ ᠢᠶᠠᠷ | ᠵᠣᠬᠢᠶᠠᠬᠤ᠂ ᠡᠪᠳᠡᠨ ᠰᠦᠢᠳᠭᠡᠬᠦ᠂ ᠭᠡᠭᠡᠵᠦ ᠣᠷᠬᠢᠭᠰᠠᠨ︔ | ︵ᠬᠤᠶᠠᠷ︶ ᠤᠯᠤᠰ ᠤᠨ ᠦᠮᠴᠢᠯᠡᠯ ᠳᠤ ᠬᠠᠷᠢᠶᠠᠯᠠᠭᠳᠠᠬᠤ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠢ ᠳᠤᠷ᠎ᠠ ᠪᠠᠷ ᠢᠶᠠᠨ ᠬᠠᠩᠭᠠᠬᠤ᠂ ᠬᠠᠭᠤᠯᠤᠨ | ᠲᠡᠮᠲᠡᠭᠯᠡᠬᠦ᠂ ᠨᠡᠶᠢᠲᠡᠯᠡᠬᠦ᠂ ᠤᠰᠠᠳᠬᠠᠭᠰᠠᠨ︔ | ︵ᠭᠤᠷᠪᠠ︶ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠢ ᠬᠠᠤᠯᠢ ᠪᠤᠰᠤ ᠪᠠᠷ ᠬᠤᠳᠠᠯᠳᠤᠭᠠᠯᠠᠭᠰᠠᠨ︔ ︵ᠳᠥᠷᠪᠡ︶ ᠬᠢᠯᠢ ᠠᠴᠠ ᠠᠪᠴᠤ | ᠭᠠᠷᠬᠤ ᠶᠢ ᠡᠷᠡᠰ ᠴᠠᠭᠠᠵᠠᠯᠠᠭᠰᠠᠨ ᠴᠢᠬᠤᠯᠠ ᠶᠡᠭᠡ ᠠᠵᠢᠯᠯᠠᠭ᠎ᠠ ᠶᠢᠨ ᠳᠠᠩᠰᠠ ᠡᠪᠬᠡᠮᠡᠯ ᠵᠢᠴᠢ ᠬᠠᠭᠤᠯᠪᠤᠷᠢ ᠶᠢ ᠠᠪᠴᠤ ᠬᠢᠯᠢ ᠠᠴᠠ ᠭᠠᠷᠤᠭᠰᠠᠨ︔ | ︵ᠲᠠᠪᠤ︶ ᠬᠠᠤᠯᠢ ᠠᠴᠠ ᠵᠦᠷᠢᠴᠡᠭᠰᠡᠨ ᠪᠤᠰᠤᠳ ᠦᠢᠯᠡ ᠠᠵᠢᠯᠯᠠᠭ᠎ᠠ᠃ | ᠬᠤᠷᠢᠳᠤᠭᠠᠷ ᠵᠦᠢᠯ ᠲᠤᠰ ᠠᠷᠭ᠎ᠠ ᠶᠢ 2016 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | |