内蒙古自治区人民政府 365赢多少钱会被限额_国内有真正的365平台吗_365bet博彩官网

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠶᠢᠨ ᠲᠦᠷ ᠬᠡᠷᠡᠭᠵᠢᠭᠦᠯᠬᠦ ᠳᠦᠷᠢᠮ
        ᠨᠡᠶᠢᠲᠡᠯᠡᠭᠰᠡᠨ ᠴᠠᠭ᠄
        2017/12/28
                                          511 ᠳ᠋ᠦ᠋ᠭᠡᠷ ᠲᠣᠭᠠᠲᠤ

        365赢多少钱会被限额_国内有真正的365平台吗_365bet博彩官网

        ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ      ᠡᠳᠦᠭᠡ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠶᠢᠨ ᠲᠦᠷ ᠬᠡᠷᠡᠭᠵᠢᠭᠦᠯᠬᠦ ᠳᠦᠷᠢᠮ︾ ᠢ ᠨᠡᠶᠢᠲᠡᠯᠡᠯ᠎ᠡ᠂ 2008 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃                                     ᠶᠡᠷᠦᠩᠬᠡᠶ ᠰᠠᠶᠢᠳ ᠸᠧᠨ ᠵᠢᠶᠠ ᠪᠤᠤ                                          2007 ᠣᠨ ᠤ 12 ᠳ᠋ᠤᠭᠠᠷ ᠰᠠᠷ᠎ᠠ ᠶᠢᠨ 1 ᠤ ᠡᠳᠦᠷ      ᠨᠢᠭᠡᠳᠦᠭᠡᠷ ᠵᠦᠢᠯ   ᠭᠠᠵᠠᠷ ᠰᠢᠷᠣᠶ ᠶᠢᠨ ᠡᠬᠢ ᠪᠠᠶᠠᠯᠢᠭ ᠢ ᠵᠦᠢ ᠵᠣᠬᠢᠰᠲᠠᠶ ᠠᠰᠢᠭᠯᠠᠵᠤ᠂ ᠭᠠᠵᠠᠷ ᠰᠢᠷᠣᠶ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠨ ᠭᠠᠵᠠᠷ ᠢ ᠬᠠᠮᠠᠭᠠᠯᠠᠬᠤ ᠶᠢᠨ ᠲᠤᠰᠠᠳᠠ᠂ ᠲᠤᠰ ᠳᠦᠷᠢᠮ ᠢ ᠲᠣᠭᠲᠠᠭᠠᠪᠠ᠃      ᠬᠤᠶᠠᠳᠤᠭᠠᠷ ᠵᠦᠢᠯ   ᠲᠤᠰ ᠲᠦᠷᠢᠮ ᠳᠤ ᠬᠡᠯᠡᠵᠦ ᠪᠠᠶᠢᠭ᠎ᠠ ᠲᠠᠷᠢᠶᠠᠨ ᠭᠠᠵᠠᠷ ᠭᠡᠳᠡᠭ ᠨᠢ ᠲᠠᠷᠢᠮᠠᠯ ᠤᠨ ᠵᠦᠢᠯ ᠲᠠᠷᠢᠬᠤ ᠳᠤ ᠬᠡᠷᠡᠭᠯᠡᠬᠦ ᠭᠠᠵᠠᠷ ᠰᠢᠷᠣᠶ ᠶᠢ ᠵᠢᠭᠠᠵᠤ ᠪᠤᠶ᠃      ᠭᠤᠷᠪᠠᠳᠤᠭᠠᠷ ᠵᠦᠢᠯ   ᠲᠠᠷᠢᠶᠠᠨ ᠭᠠᠵᠠᠷ ᠢ ᠡᠵᠡᠯᠡᠵᠦ ᠭᠡᠷ ᠪᠠᠶᠢᠰᠢᠩ ᠪᠠᠷᠢᠬᠤ ᠪᠤᠶᠤ ᠲᠠᠷᠢᠶᠠᠯᠠᠩ ᠤᠨ ᠪᠤᠰᠤ ᠪᠦᠲᠦᠭᠡᠨ ᠪᠠᠶᠢᠭᠤᠯᠤᠯᠲᠠ ᠬᠢᠵᠦ ᠪᠠᠶᠢᠭ᠎ᠠ ᠨᠢᠭᠡᠴᠡ ᠪᠤᠶᠤ ᠬᠤᠪᠢ ᠬᠥᠮᠦᠨ ᠪᠣᠯ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠶᠢᠨ ᠭᠠᠶᠢᠯᠢ ᠲᠤᠰᠢᠶᠠᠭᠴᠢ ᠪᠣᠯᠤᠨ᠎ᠠ᠂ ᠲᠤᠰ ᠳᠦᠷᠢᠮ ᠤᠨ ᠲᠣᠭᠲᠠᠭᠠᠯ ᠶᠣᠰᠣᠭᠠᠷ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠲᠤᠰᠢᠶᠠᠬᠤ ᠬᠡᠷᠡᠭᠲᠡᠶ᠃      ᠡᠮᠦᠨᠡᠬᠢ ᠵᠤᠷᠪᠤᠰ ᠲᠤ ᠬᠡᠯᠡᠵᠦ ᠪᠠᠶᠢᠭ᠎ᠠ ᠨᠢᠭᠡᠴᠡ ᠳᠤ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠬᠠᠮᠲᠤ ᠶᠢᠨ ᠠᠵᠤ ᠠᠬᠤᠶᠢᠯᠠᠯ᠂ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ᠂ ᠬᠤᠪᠢᠲᠤ ᠳᠦᠷᠢᠮ ᠤᠨ ᠠᠵᠤ ᠠᠬᠤᠶᠢᠯᠠᠯ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ᠂ ᠭᠠᠳᠠᠭᠠᠳᠤ ᠶᠢᠨ ᠠᠵᠤ ᠠᠬᠤᠶᠢᠯᠠᠯ ᠵᠢᠴᠢ ᠪᠤᠰᠤᠳ ᠠᠵᠤ ᠠᠬᠤᠶᠢᠯᠠᠯ ᠪᠣᠯᠤᠨ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ᠂ ᠤᠯᠤᠰ ᠤᠨ ᠪᠠᠶᠢᠭᠤᠯᠭ᠎ᠠ᠂ ᠴᠡᠷᠢᠭ ᠠᠩᠭᠢ ᠵᠢᠴᠢ ᠪᠤᠰᠤᠳ ᠨᠢᠭᠡᠴᠡ ᠶᠢ ᠪᠠᠭᠲᠠᠭᠠᠨ᠎ᠠ︔ ᠬᠡᠯᠡᠵᠦ ᠪᠠᠶᠢᠭ᠎ᠠ ᠬᠤᠪᠢ ᠬᠥᠮᠦᠨ ᠭᠡᠳᠡᠭ ᠲᠤ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠵᠢᠴᠢ ᠪᠤᠰᠤᠳ ᠬᠤᠪᠢ ᠬᠥᠮᠦᠨ ᠢ ᠪᠠᠭᠲᠠᠭᠠᠨ᠎ᠠ᠃      ᠳᠥᠷᠪᠡᠳᠦᠭᠡᠷ ᠵᠦᠢᠯ   ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠶᠢ ᠭᠠᠶᠢᠯᠢ ᠲᠤᠰᠢᠶᠠᠭᠴᠢ ᠶᠢᠨ ᠪᠣᠳᠠᠲᠠᠶ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ ᠤᠨ ᠲᠠᠯᠠᠪᠠᠶ ᠪᠠᠷ ᠭᠠᠶᠢᠯᠢ ᠪᠣᠳᠣᠬᠤ ᠦᠨᠳᠦᠰᠦᠯᠡᠯ ᠪᠣᠯᠭᠠᠵᠤ᠂ ᠲᠣᠭᠲᠠᠭᠠᠭᠰᠠᠨ ᠬᠡᠷᠡᠭᠯᠡᠭᠡᠨ ᠤ ᠭᠠᠶᠢᠯᠢ ᠶᠢᠨ ᠲᠤᠭ᠎ᠠ ᠪᠠᠷ ᠨᠢᠭᠡ ᠯᠡ ᠤᠳᠠᠭ᠎ᠠ ᠶᠢᠨ ᠴᠢᠨᠠᠷᠲᠠᠶ ᠲᠠᠲᠠᠪᠤᠷᠢᠯᠠᠬᠤ ᠬᠡᠷᠡᠭᠲᠡᠶ᠃      ᠲᠠᠪᠤᠳᠤᠭᠠᠷ ᠵᠦᠢᠯ   ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠶᠢᠨ ᠭᠠᠶᠢᠯᠢ ᠶᠢᠨ ᠲᠤᠭ᠎ᠠ ᠶᠢ ᠳᠣᠤᠷᠠᠬᠢ ᠮᠡᠲᠦ ᠲᠣᠭᠲᠠᠭᠠᠨ᠎ᠠ᠄      ︵ᠨᠢᠭᠡ︶ ᠬᠥᠮᠦᠨ ᠪᠦᠷᠢ ᠶᠢᠨ ᠳᠤᠮᠳᠠᠴᠢ ᠲᠠᠷᠢᠶᠠᠨ ᠭᠠᠵᠠᠷ 1 ᠮᠦ ᠠᠴᠠ ᠬᠡᠲᠦᠷᠡᠬᠦ ᠦᠭᠡᠶ ᠪᠠᠶᠢᠭ᠎ᠠ ᠭᠠᠵᠠᠷ ᠣᠷᠣᠨ ᠰᠢᠶᠠᠨ ᠤ ᠱᠠᠲᠤᠨ ᠤ ᠵᠠᠰᠠᠭ ᠵᠠᠬᠢᠷᠭᠠᠨ ᠤ ᠣᠷᠣᠨ ᠢᠶᠠᠷ ᠨᠢᠭᠡᠴᠢ ᠪᠣᠯᠭᠠᠨ᠎ᠠ᠂ ᠳᠣᠷᠣᠭᠰᠢ ᠠᠳᠠᠯᠢ ᠳᠤ᠃ ᠲᠡᠭᠰᠢ ᠳᠥᠷᠪᠡᠯᠵᠢᠨ ᠮᠧᠲᠷ ᠪᠦᠷᠢ 10 ᠲᠥᠭᠦᠷᠢᠭ ᠠᠴᠠ 50 ᠲᠥᠭᠦᠷᠢᠭ ᠪᠣᠯᠤᠨ᠎ᠠ᠃      ︵ᠬᠤᠶᠠᠷ︶ ᠬᠥᠮᠦᠨ ᠪᠦᠷᠢ ᠶᠢᠨ ᠳᠤᠮᠳᠠᠴᠢ ᠲᠠᠷᠢᠶᠠᠨ ᠭᠠᠵᠠᠷ 1 ᠮᠦ ᠠᠴᠠ ᠬᠡᠲᠦᠷᠡᠭᠰᠡᠨ ᠪᠣᠯᠪᠠᠴᠤ 2 ᠮᠦ ᠠᠴᠠ ᠬᠡᠲᠦᠷᠡᠬᠦ ᠦᠭᠡᠶ ᠪᠠᠶᠢᠭ᠎ᠠ ᠭᠠᠵᠠᠷ ᠣᠷᠣᠨ ᠳᠤ᠃ ᠲᠡᠭᠰᠢ ᠳᠥᠷᠪᠡᠯᠵᠢᠨ ᠮᠧᠲᠷ ᠪᠦᠷᠢ 8 ᠲᠥᠭᠦᠷᠢᠭ ᠠᠴᠠ 40 ᠲᠥᠭᠦᠷᠢᠭ ᠪᠣᠯᠤᠨ᠎ᠠ᠃      ︵ᠭᠤᠷᠪᠠ︶ ᠬᠥᠮᠦᠨ ᠪᠦᠷᠢ ᠶᠢᠨ ᠳᠤᠮᠳᠠᠴᠢ ᠲᠠᠷᠢᠶᠠᠨ ᠭᠠᠵᠠᠷ 2 ᠮᠦ ᠠᠴᠠ ᠬᠡᠲᠦᠷᠡᠭᠰᠡᠨ ᠪᠣᠯᠪᠠᠴᠤ 3 ᠮᠦ ᠠᠴᠠ ᠬᠡᠲᠦᠷᠡᠬᠦ ᠦᠭᠡᠶ ᠪᠠᠶᠢᠭ᠎ᠠ ᠭᠠᠵᠠᠷ ᠣᠷᠣᠨ ᠳᠤ ᠲᠡᠭᠰᠢ ᠳᠥᠷᠪᠡᠯᠵᠢᠨ ᠮᠧᠲᠷ ᠪᠦᠷᠢ 6 ᠲᠥᠭᠦᠷᠢᠭ ᠠᠴᠠ 30 ᠲᠥᠭᠦᠷᠢᠭ ᠪᠣᠯᠤᠨ᠎ᠠ᠃      ︵ᠳᠥᠷᠪᠡ︶ ᠬᠥᠮᠦᠨ ᠪᠦᠷᠢ ᠶᠢᠨ ᠳᠤᠮᠳᠠᠴᠢ ᠲᠠᠷᠢᠶᠠᠨ ᠭᠠᠵᠠᠷ 3 ᠮᠦ ᠠᠴᠠ ᠬᠡᠲᠦᠷᠡᠭᠰᠡᠨ ᠭᠠᠵᠠᠷ ᠣᠷᠣᠨ ᠳᠤ᠃ ᠲᠡᠭᠰᠢ ᠳᠥᠷᠪᠡᠯᠵᠢᠨ ᠮᠧᠲᠷ ᠪᠦᠷᠢ 5 ᠲᠥᠭᠦᠷᠢᠭ ᠠᠴᠠ 25 ᠲᠥᠭᠦᠷᠢᠭ ᠪᠣᠯᠤᠨ᠎ᠠ᠃      ᠲᠥᠷᠥ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠥᠮᠦᠨ ᠪᠦᠷᠢ ᠶᠢᠨ ᠳᠤᠮᠳᠠᠴᠢ ᠲᠠᠷᠢᠶᠠᠨ ᠭᠠᠵᠠᠷ ᠤᠨ ᠲᠠᠯᠠᠪᠠᠶ ᠪᠣᠯᠤᠨ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠢ ᠦᠨᠳᠦᠰᠦᠯᠡᠨ ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠨᠤᠭᠤᠳ ᠤᠨ ᠳᠤᠮᠳᠠᠴᠢ ᠭᠠᠶᠢᠯᠢ ᠶᠢᠨ ᠲᠤᠭ᠎ᠠ ᠲᠣᠭᠲᠠᠭᠠᠨ᠎ᠠ᠃      ᠡᠯ᠎ᠡ ᠭᠠᠵᠠᠷ ᠤᠳ ᠤᠨ ᠬᠡᠷᠡᠭᠯᠡᠭᠡᠨ ᠤ ᠭᠠᠶᠢᠯᠢ ᠶᠢᠨ ᠲᠤᠭ᠎ᠠ ᠶᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠤᠰ ᠳᠦᠷᠢᠮ ᠤᠨ ᠨᠢᠭᠡᠳᠦᠭᠡᠷ ᠵᠤᠷᠪᠤᠰ ᠤᠨ ᠲᠣᠭᠲᠠᠭᠠᠭᠰᠠᠨ ᠭᠠᠶᠢᠯᠢ ᠶᠢᠨ ᠲᠣᠭᠠᠨ ᠤ ᠬᠡᠮᠵᠢᠶ᠎ᠡ ᠶᠢᠨ ᠳᠣᠲᠣᠷ᠎ᠠ᠂ ᠲᠤᠰ ᠭᠠᠵᠠᠷ ᠣᠷᠣᠨ ᠤ ᠪᠠᠶᠢᠳᠠᠯ ᠢᠶᠠᠨ ᠦᠨᠳᠦᠰᠦᠯᠡᠨ ᠬᠢᠨᠠᠨ ᠲᠣᠭᠲᠠᠭᠠᠨ᠎ᠠ᠃ ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ  ᠤᠨ ᠣᠷᠳᠣᠨ ᠨᠤᠭᠤᠳ ᠤᠨ ᠬᠢᠨᠠᠨ ᠲᠣᠭᠲᠠᠭᠠᠭᠰᠠᠨ ᠬᠡᠷᠡᠭᠯᠡᠭᠡᠨ ᠤ ᠭᠠᠶᠢᠯᠢ ᠶᠢᠨ ᠲᠤᠭ᠎ᠠ ᠶᠢᠨ ᠳᠤᠮᠳᠠᠴᠢ ᠬᠢᠷᠢ ᠬᠡᠮᠵᠢᠶ᠎ᠡ ᠨᠢ ᠲᠤᠰ ᠳᠦᠷᠢᠮ ᠤᠨ ᠬᠤᠶᠠᠳᠤᠭᠠᠷ ᠵᠤᠷᠪᠤᠰ ᠤᠨ ᠲᠣᠭᠲᠠᠭᠠᠭᠰᠠᠨ ᠳᠤᠮᠳᠠᠴᠢ ᠭᠠᠶᠢᠯᠢ ᠶᠢᠨ ᠲᠤᠭ᠎ᠠ ᠠᠴᠠ ᠳᠣᠤᠷ᠎ᠠ ᠪᠠᠶᠢᠵᠤ ᠪᠣᠯᠬᠤ ᠦᠭᠡᠶ᠃      ᠵᠢᠷᠭᠤᠳᠤᠭᠠᠷ ᠵᠦᠢᠯ   ᠠᠵᠤ ᠠᠬᠤᠶ ᠶᠢᠨ ᠣᠨᠴᠣᠭᠤᠶ ᠣᠷᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠣᠷᠣᠨ ᠪᠠ ᠠᠵᠤ ᠠᠬᠤᠶ ᠬᠥᠭᠵᠢᠭᠰᠡᠨ ᠪᠥᠭᠡᠳ ᠬᠥᠮᠦᠨ ᠪᠦᠷᠢ ᠶᠢᠨ ᠳᠤᠮᠳᠠᠴᠢ ᠶᠢᠨ ᠲᠠᠷᠢᠶᠠᠨ ᠭᠠᠵᠠᠷ ᠢᠶᠠᠷ ᠣᠨᠴᠠ ᠴᠥᠭᠡᠨ ᠪᠠᠶᠢᠭ᠎ᠠ ᠭᠠᠵᠠᠷ ᠣᠷᠣᠨ ᠤ ᠬᠡᠷᠡᠭᠯᠡᠭᠡᠨ ᠤ ᠭᠠᠶᠢᠯᠢ ᠶᠢᠨ ᠲᠤᠭ᠎ᠠ ᠶᠢ ᠵᠣᠬᠢᠰᠲᠠᠶ ᠪᠠᠷ ᠳᠡᠭᠡᠭᠰᠢᠯᠡᠭᠦᠯᠵᠦ ᠪᠣᠯᠤᠨ᠎ᠠ᠂ ᠭᠡᠪᠡᠴᠦ ᠳᠡᠭᠡᠭᠰᠢᠯᠡᠭᠦᠯᠬᠦ ᠬᠡᠰᠡᠭ ᠢ ᠨᠢ ᠬᠠᠮᠤᠭ ᠥᠨᠳᠥᠷ ᠲᠡᠭᠡᠨ ᠲᠤᠰ ᠳᠦᠷᠢᠮ ᠤᠨ ᠲᠠᠪᠤᠳᠤᠭᠠᠷ ᠵᠦᠢᠯ ᠤᠨ ᠭᠤᠷᠪᠠᠳᠤᠭᠠᠷ ᠵᠤᠷᠪᠤᠰ ᠤᠨ ᠲᠣᠭᠲᠠᠭᠠᠭᠰᠠᠨ ᠲᠤᠬᠠᠶ ᠶᠢᠨ ᠭᠠᠵᠠᠷ ᠤᠨ ᠬᠡᠷᠡᠭᠯᠡᠭᠡᠨ ᠤ ᠭᠠᠶᠢᠯᠢ ᠶᠢᠨ ᠲᠣᠭᠠᠨ ᠤ 50% ᠠᠴᠠ ᠬᠡᠲᠦᠷᠡᠭᠦᠯᠵᠦ ᠪᠣᠯᠬᠤ ᠦᠭᠡᠶ᠃      ᠳᠣᠯᠣᠳᠤᠭᠠᠷ ᠵᠦᠢᠯ   ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠪᠣᠯ᠂ ᠬᠡᠷᠡᠭᠯᠡᠭᠡᠨ ᠤ ᠭᠠᠶᠢᠯᠢ ᠶᠢᠨ ᠲᠤᠭ᠎ᠠ ᠶᠢ ᠲᠤᠰ ᠳᠦᠷᠢᠮ ᠤᠨ ᠲᠠᠪᠤᠳᠤᠭᠠᠷ ᠵᠦᠢᠯ ᠤᠨ ᠭᠤᠷᠪᠠᠳᠤᠭᠠᠷ ᠵᠤᠷᠪᠤᠰ ᠪᠣᠯᠤᠨ ᠵᠢᠷᠭᠤᠳᠤᠭᠠᠷ ᠵᠦᠢᠯ ᠤᠨ ᠲᠣᠭᠲᠠᠭᠠᠭᠰᠠᠨ ᠲᠤᠬᠠᠶ ᠶᠢᠨ ᠭᠠᠵᠠᠷ ᠤᠨ ᠬᠡᠷᠡᠭᠯᠡᠭᠡᠨ ᠤ ᠭᠠᠶᠢᠯᠢ ᠶᠢᠨ ᠲᠣᠭᠠᠨ ᠤ ᠰᠠᠭᠤᠷᠢᠨ ᠳᠡᠭᠡᠷ᠎ᠡ 50% ᠪᠠᠷ ᠳᠡᠭᠡᠭᠰᠢᠯᠡᠭᠦᠯᠬᠦ ᠬᠡᠷᠡᠭᠲᠡᠶ᠃      ᠨᠠᠢᠮᠠᠳᠤᠭᠠᠷ ᠵᠦᠢᠯ   ᠳᠣᠤᠷᠠᠬᠢ ᠪᠠᠶᠢᠳᠠᠯ ᠠᠴᠠ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠲᠠᠲᠠᠪᠤᠷᠢᠯᠠᠬᠤ ᠦᠭᠡᠶ᠄      ︵ᠨᠢᠭᠡ︶ ᠴᠡᠷᠢᠭ ᠤᠨ ᠶᠠᠪᠤᠳᠠᠯ ᠤᠨ ᠪᠡᠯᠡᠳᠬᠡᠮᠵᠢ ᠶᠢᠨ ᠲᠠᠷᠢᠶᠠᠨ ᠭᠠᠵᠠᠷ ᠡᠵᠡᠯᠡᠨ ᠬᠡᠷᠡᠭᠯᠡᠬᠦ      ︵ᠬᠤᠶᠠᠷ︶ ᠰᠤᠷᠭᠠᠭᠤᠯᠢ᠂ ᠬᠡᠦᠬᠡᠳ ᠤᠨ ᠴᠡᠴᠡᠷᠯᠢᠭ᠂ ᠨᠠᠰᠤᠵᠢᠯ ᠤᠨ ᠬᠦᠷᠢᠶᠡᠯᠡᠩ ᠪᠣᠯᠤᠨ ᠡᠮᠨᠡᠯᠭᠡ ᠶᠢᠨ ᠬᠤᠷᠢᠶ᠎ᠠ ᠶᠢᠨ ᠡᠵᠡᠯᠡᠨ ᠬᠡᠷᠡᠭᠯᠡᠬᠦ ᠲᠠᠷᠢᠶᠠᠨ ᠭᠠᠵᠠᠷ      ᠶᠢᠰᠦᠳᠦᠭᠡᠷ ᠵᠦᠢᠯ   ᠲᠡᠮᠦᠷ ᠵᠠᠮ ᠤᠨ ᠱᠤᠭᠤᠮ᠂ ᠵᠠᠰᠠᠮᠠᠯ ᠵᠠᠮ ᠤᠨ ᠱᠤᠭᠤᠮ᠂ ᠨᠢᠰᠬᠡᠯ ᠤᠨ ᠪᠠᠭᠤᠳᠠᠯ ᠤᠨ ᠨᠢᠰᠬᠡᠯ ᠭᠦᠶᠦᠬᠦ ᠵᠠᠮ᠂ ᠨᠢᠰᠬᠡᠯ ᠤᠨ ᠵᠣᠭᠰᠣᠭᠠᠯ᠂ ᠭᠠᠷᠠᠮ᠂ ᠠᠶᠠᠯᠠᠯ ᠤᠨ ᠵᠠᠮ ᠤᠳ ᠡᠵᠡᠯᠡᠨ ᠬᠡᠷᠡᠭᠯᠡᠬᠦ ᠲᠠᠷᠢᠶᠠᠨ ᠭᠠᠵᠠᠷ ᠤᠨ ᠲᠡᠭᠰᠢ ᠳᠥᠷᠪᠡᠯᠵᠢᠨ ᠮᠧᠲᠷ ᠪᠦᠷᠢ ᠠᠴᠠ 2 ᠲᠥᠭᠦᠷᠢᠭ ᠤᠨ ᠭᠠᠶᠢᠯᠢ ᠶᠢᠨ ᠲᠤᠭ᠎ᠠ ᠬᠠᠰᠤᠵᠤ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠲᠠᠲᠠᠪᠤᠷᠢᠯᠠᠨ᠎ᠠ᠃      ᠪᠣᠳᠠᠲᠤ ᠬᠡᠷᠡᠭᠴᠡᠭᠡ ᠪᠠᠨ ᠦᠨᠳᠦᠰᠦᠯᠡᠨ᠂ ᠲᠥᠷᠥ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠠᠢ ᠵᠥᠪᠳᠡᠯᠴᠡᠬᠦ ᠶᠢᠨ ᠬᠠᠮᠲᠤ ᠲᠥᠷᠥ ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠡᠮᠦᠨᠡᠬᠢ ᠵᠤᠷᠪᠤᠰ ᠲᠤ ᠲᠣᠭᠲᠠᠭᠠᠭᠰᠠᠨ ᠪᠠᠶᠢᠳᠠᠯ ᠲᠠᠢ ᠠᠴᠠ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠠᠴᠠ ᠬᠡᠯᠲᠦᠷᠢᠭᠦᠯᠬᠦ ᠪᠤᠶᠤ ᠬᠠᠰᠤᠵᠤ ᠲᠠᠲᠠᠪᠤᠷᠢᠯᠠᠵᠤ ᠪᠣᠯᠤᠨ᠎ᠠ᠃      ᠠᠷᠪᠠᠳᠤᠭᠠᠷ ᠵᠦᠢᠯ   ᠬᠥᠳᠡᠭᠡ ᠲᠣᠰᠬᠤᠨ ᠤ ᠰᠠᠭᠤᠭᠠᠯᠢ ᠠᠷᠠᠳ ᠲᠠᠷᠢᠶᠠᠨ ᠭᠠᠵᠠᠷ ᠢ ᠡᠵᠡᠯᠡᠵᠦ ᠰᠢᠨ᠎ᠡ ᠣᠷᠣᠨ ᠰᠠᠭᠤᠴᠠ ᠪᠠᠷᠢᠬᠤ ᠳᠤ᠃ ᠲᠤᠬᠠᠶ ᠶᠢᠨ ᠭᠠᠵᠠᠷ ᠤᠨ ᠬᠡᠷᠡᠭᠯᠡᠭᠡᠨ ᠤ ᠭᠠᠶᠢᠯᠢ ᠶᠢᠨ ᠲᠣᠭᠠᠨ ᠤ ᠬᠠᠭᠠᠰ ᠢᠶᠠᠷ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠲᠠᠲᠠᠪᠤᠷᠢᠯᠠᠨ᠎ᠠ᠃      ᠬᠥᠳᠡᠭᠡ ᠲᠣᠰᠬᠤᠨ ᠤ ᠨᠥᠭᠴᠢᠭᠰᠡᠨ ᠪᠠᠭᠠᠲᠤᠷᠴᠤᠳ ᠤᠨ ᠭᠡᠷ ᠪᠦᠯᠢ᠂ ᠵᠡᠮᠳᠡᠭ ᠪᠣᠯᠤᠭᠰᠠᠨ ᠴᠡᠷᠢᠭ ᠤᠨ ᠬᠥᠮᠦᠨ᠂ ᠭᠤᠤᠨᠢ ᠪᠡᠶ᠎ᠡ ᠥᠨᠥᠴᠢᠨ ᠪᠡᠯᠪᠡᠰᠦᠨ ᠵᠢᠴᠢ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ᠂ ᠴᠥᠭᠡᠨ ᠲᠣᠭᠠᠲᠤ ᠦᠨᠳᠦᠰᠦᠲᠡᠨ ᠴᠤᠭᠯᠠᠷᠠᠨ ᠰᠠᠭᠤᠭᠰᠠᠨ ᠣᠷᠣᠨ ᠪᠣᠯᠤᠨ ᠠᠯᠤᠰ ᠬᠢᠵᠠᠭᠠᠷ ᠪᠤᠶᠢᠳᠠ ᠪᠥᠭᠯᠡᠭᠦᠦ ᠶᠠᠳᠠᠭᠤ ᠬᠦᠴᠢᠷᠲᠡᠶ ᠠᠭᠤᠯᠠᠷᠬᠠᠭ ᠣᠷᠣᠨ ᠤ ᠬᠥᠳᠡᠭᠡ ᠲᠣᠰᠬᠤᠨ ᠤ ᠠᠮᠢᠳᠤᠷᠠᠯ ᠨᠢ ᠬᠦᠴᠢᠷᠳᠡᠯᠲᠡᠶ ᠰᠠᠭᠤᠭᠠᠯᠢ ᠠᠷᠠᠳ᠂ ᠭᠠᠵᠠᠷ ᠬᠡᠷᠡᠭᠯᠡᠬᠦ ᠲᠣᠭᠲᠠᠭᠰᠠᠨ ᠪᠠᠷᠢᠮᠵᠢᠶ᠎ᠠ ᠶᠢᠨ ᠳᠣᠲᠣᠷ᠎ᠠ ᠰᠢᠨ᠎ᠡ ᠣᠷᠣᠨ ᠰᠠᠭᠤᠴᠠ ᠪᠠᠷᠢᠬᠤ ᠳᠤ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠲᠤᠰᠢᠶᠠᠬᠤ ᠳᠤ ᠦᠨᠡᠨᠬᠦ ᠬᠦᠴᠢᠷᠳᠡᠯᠲᠡᠶ ᠪᠣᠯ᠂ ᠪᠠᠶᠢᠭ᠎ᠠ ᠭᠠᠵᠠᠷ ᠤᠨ ᠬᠢᠨ ᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠬᠠᠷᠭᠤᠭᠤᠯᠵᠤ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠠᠴᠠ ᠬᠡᠯᠲᠦᠷᠢᠭᠦᠯᠬᠦ ᠪᠤᠶᠤ ᠬᠠᠰᠤᠵᠤ ᠲᠠᠲᠠᠪᠤᠷᠢᠯᠠᠵᠤ ᠪᠣᠯᠤᠨ᠎ᠠ᠃      ᠠᠷᠪᠠᠨ ᠨᠢᠭᠡᠳᠦᠭᠡᠷ ᠵᠦᠢᠯ   ᠲᠤᠰ ᠳᠦᠷᠢᠮ ᠤᠨ ᠨᠠᠢᠮᠠᠳᠤᠭᠠᠷ ᠵᠦᠢᠯ᠂ ᠶᠢᠰᠦᠳᠦᠭᠡᠷ ᠵᠦᠢᠯ ᠤᠨ ᠲᠣᠭᠲᠠᠭᠠᠯ ᠶᠣᠰᠣᠭᠠᠷ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠠᠴᠠ ᠬᠡᠯᠲᠦᠷᠢᠭᠦᠯᠬᠦ ᠪᠤᠶᠤ ᠬᠠᠰᠤᠵᠤ ᠲᠠᠲᠠᠪᠤᠷᠢᠯᠠᠭᠰᠠᠨ ᠤ ᠳᠠᠷᠠᠭ᠎ᠠ᠂ ᠭᠠᠶᠢᠯᠢ ᠲᠤᠰᠢᠶᠠᠭᠴᠢ ᠨᠢ ᠤᠤᠯ ᠤᠨ ᠡᠵᠡᠯᠡᠭᠰᠡᠨ ᠭᠠᠵᠠᠷ ᠤᠨ ᠬᠡᠷᠡᠭᠴᠡᠭᠡ ᠪᠠᠨ ᠬᠤᠪᠢᠷᠠᠭᠤᠯᠵᠤ᠂ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠠᠴᠠ ᠬᠡᠯᠲᠦᠷᠢᠭᠦᠯᠬᠦ ᠪᠤᠶᠤ ᠬᠠᠰᠤᠵᠤ ᠲᠠᠲᠠᠪᠤᠷᠢᠯᠠᠬᠤ ᠪᠠᠶᠢᠳᠠᠯ ᠳᠤ ᠲᠣᠭᠠᠴᠢᠭᠳᠠᠬᠤ ᠦᠭᠡᠶ ᠪᠣᠯ᠂ ᠲᠤᠬᠠᠶ ᠶᠢᠨ ᠭᠠᠵᠠᠷ ᠤᠨ ᠬᠡᠷᠡᠭᠯᠡᠭᠡᠨ ᠤ ᠭᠠᠶᠢᠯᠢ ᠶᠢᠨ ᠲᠤᠭ᠎ᠠ ᠪᠠᠷ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠪᠠᠨ ᠨᠥᠬᠦᠪᠥᠷᠢᠯᠡᠨ ᠲᠤᠰᠢᠶᠠᠬᠤ ᠬᠡᠷᠡᠭᠲᠡᠶ᠃      ᠠᠷᠪᠠᠨ ᠬᠤᠶᠠᠳᠤᠭᠠᠷ ᠵᠦᠢᠯ   ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠶᠢ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠬᠠᠷᠢᠭᠤᠴᠠᠨ ᠲᠠᠲᠠᠪᠤᠷᠢᠯᠠᠨ᠎ᠠ᠃      ᠭᠠᠵᠠᠷ ᠰᠢᠷᠣᠶ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠨᠢᠭᠡᠴᠡ ᠪᠤᠶᠤ ᠬᠤᠪᠢ ᠬᠥᠮᠦᠨ ᠳᠤ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠷ ᠭᠦᠢᠴᠡᠳᠬᠡᠯ ᠭᠦᠢᠴᠡᠳᠬᠡᠯᠭᠡᠬᠦ ᠪᠠᠷ ᠮᠡᠳᠡᠭᠳᠡᠬᠦ ᠦᠶ᠎ᠡ ᠳᠤ᠂ ᠲᠠᠷᠢᠶᠠᠨ ᠭᠠᠵᠠᠷ ᠤᠨ ᠪᠠᠶᠢᠭ᠎ᠠ ᠭᠠᠵᠠᠷ ᠤᠨ ᠠᠳᠠᠯᠢ ᠱᠠᠲᠤᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠬᠠᠮᠲᠤ ᠳᠤᠨᠢ ᠮᠡᠳᠡᠭᠳᠡᠬᠦ ᠬᠡᠷᠡᠭᠲᠡᠶ᠃ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠵᠥᠪᠰᠢᠶᠡᠷᠡᠯ ᠢ ᠣᠯᠤᠭᠰᠠᠨ ᠨᠢᠭᠡᠴᠡ ᠪᠤᠶᠤ ᠬᠤᠪᠢ ᠬᠥᠮᠦᠨ ᠨᠢ ᠭᠠᠵᠠᠷ ᠰᠢᠷᠣᠶ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠮᠡᠳᠡᠭᠳᠡᠯ ᠢ ᠣᠯᠤᠭᠰᠠᠨ ᠡᠳᠦᠷ ᠠᠴᠠ ᠡᠬᠢᠯᠡᠨ 30 ᠡᠳᠦᠷ ᠤᠨ ᠳᠣᠲᠣᠷ᠎ᠠ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠲᠤᠰᠢᠶᠠᠬᠤ ᠬᠡᠷᠡᠭᠲᠡᠶ᠃ ᠭᠠᠵᠠᠷ ᠰᠢᠷᠣᠶ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠶᠢᠨ ᠭᠠᠶᠢᠯᠢ ᠲᠤᠰᠢᠶᠠᠭᠰᠠᠨ ᠭᠡᠷᠡᠴᠢ ᠪᠠᠷᠢᠮᠲᠠ ᠪᠤᠶᠤ ᠭᠠᠶᠢᠯᠢ ᠠᠴᠠ ᠬᠡᠯᠲᠦᠷᠢᠭᠦᠯᠬᠦ ᠭᠡᠷᠡᠴᠢ ᠪᠠᠷᠢᠮᠲᠠ ᠪᠣᠯᠤᠨ ᠪᠤᠰᠤᠳ ᠬᠤᠯᠪᠣᠭᠳᠠᠯ ᠪᠦᠬᠦᠢ ᠪᠢᠴᠢᠭ ᠮᠠᠲᠸᠢᠷᠶᠠᠯ ᠢ ᠨᠢ ᠦᠵᠡᠵᠦ ᠪᠠᠶᠢᠭᠠᠳ ᠪᠦᠲᠦᠭᠡᠨ ᠪᠠᠶᠢᠭᠤᠯᠤᠯᠲᠠ ᠶᠢᠨ ᠬᠡᠷᠡᠭᠯᠡᠬᠦ ᠭᠠᠵᠠᠷ ᠤᠨ ᠵᠥᠪᠰᠢᠶᠡᠷᠡᠯ ᠤᠨ ᠦᠨᠡᠮᠯᠡᠯ ᠣᠯᠭᠤᠬᠤ ᠬᠡᠷᠡᠭᠲᠡᠶ᠃      ᠠᠷᠪᠠᠨ ᠭᠤᠷᠪᠠᠳᠤᠭᠠᠷ ᠵᠦᠢᠯ   ᠭᠠᠶᠢᠯᠢ ᠲᠤᠰᠢᠶᠠᠭᠴᠢ ᠲᠠᠷᠢᠶᠠᠨ ᠭᠠᠵᠠᠷ ᠢ ᠲᠦᠷ ᠴᠠᠭ ᠡᠵᠡᠯᠡᠨ ᠬᠡᠷᠡᠭᠯᠡᠬᠦ ᠳᠤ᠃ ᠲᠤᠰ ᠳᠦᠷᠢᠮ ᠤᠨ ᠲᠣᠭᠲᠠᠭᠠᠯ ᠶᠣᠰᠣᠭᠠᠷ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠲᠤᠰᠢᠶᠠᠬᠤ ᠬᠡᠷᠡᠭᠲᠡᠶ᠃ ᠭᠠᠶᠢᠯᠢ ᠲᠤᠰᠢᠶᠠᠭᠴᠢ ᠨᠢ ᠲᠠᠷᠢᠶᠠᠨ ᠭᠠᠵᠠᠷ ᠢ ᠲᠦᠷ ᠴᠠᠭ ᠡᠵᠡᠯᠡᠨ ᠬᠡᠷᠡᠭᠯᠡᠬᠦ ᠶᠢ ᠵᠥᠪᠰᠢᠶᠡᠷᠡᠭᠰᠡᠨ ᠬᠤᠭᠤᠴᠠᠭ᠎ᠠ ᠳᠤ ᠡᠵᠡᠯᠡᠨ ᠬᠡᠷᠡᠭᠯᠡᠭᠰᠡᠨ ᠲᠠᠷᠢᠶᠠᠨ ᠭᠠᠵᠠᠷ ᠤᠨ ᠤᠤᠯ ᠪᠠᠶᠢᠳᠠᠯ ᠢ ᠨᠢ ᠰᠡᠷᠭᠦᠭᠡᠭᠰᠡᠨ ᠪᠣᠯ᠂ ᠨᠢᠭᠡᠨᠲᠡ ᠲᠤᠰᠢᠶᠠᠭᠰᠠᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠶᠢ ᠨᠢ ᠪᠦᠬᠦ ᠲᠤᠭ᠎ᠠ ᠪᠠᠷ ᠨᠢ ᠪᠤᠴᠠᠭᠠᠬᠤ ᠬᠡᠷᠡᠭᠲᠡᠶ᠃      ᠠᠷᠪᠠᠨ ᠳᠥᠷᠪᠡᠳᠦᠭᠡᠷ ᠵᠦᠢᠯ   ᠰᠢᠭᠤᠶᠢᠲᠤ ᠭᠠᠵᠠᠷ᠂ ᠬᠠᠳᠤᠯᠠᠩ ᠪᠡᠯᠴᠢᠭᠡᠷ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠬᠡᠷᠡᠭᠯᠡᠬᠦ ᠭᠠᠵᠠᠷ᠂ ᠲᠡᠵᠢᠭᠡᠨ ᠦᠷᠡᠵᠢᠭᠦᠯᠬᠦ ᠤᠰᠤᠨ ᠤ ᠲᠠᠯᠠᠪᠠᠶ ᠵᠢᠴᠢ ᠵᠢᠭᠠᠰᠤᠨ ᠤ ᠠᠵᠤ ᠦᠢᠯᠡᠰ ᠤᠨ ᠤᠰᠤᠨ ᠤ ᠴᠠᠷᠠᠭ᠎ᠠ ᠭᠤᠤᠯ ᠤᠨ ᠰᠠᠶᠢᠷᠭᠠᠯ ᠵᠡᠷᠭᠡ ᠪᠤᠰᠤᠳ ᠲᠠᠷᠢᠶᠠᠯᠠᠩ ᠤᠨ ᠬᠡᠷᠡᠭᠯᠡᠬᠦ ᠭᠠᠵᠠᠷ ᠢ ᠡᠵᠡᠯᠡᠵᠦ ᠭᠡᠷ ᠪᠠᠶᠢᠰᠢᠩ ᠪᠠᠷᠢᠬᠤ ᠪᠤᠶᠤ ᠲᠠᠷᠢᠶᠠᠯᠠᠩ ᠤᠨ ᠪᠤᠰᠤ ᠪᠦᠲᠦᠭᠡᠨ ᠪᠠᠶᠢᠭᠤᠯᠤᠯᠲᠠ ᠬᠢᠪᠠᠯ᠂ ᠲᠤᠰ ᠳᠦᠷᠢᠮ ᠤᠨ ᠲᠣᠭᠲᠠᠭᠠᠯ ᠶᠣᠰᠣᠭᠠᠷ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠲᠠᠲᠠᠪᠤᠷᠢᠯᠠᠬᠤ ᠬᠡᠷᠡᠭᠲᠡᠶ᠃      ᠲᠠᠷᠢᠶᠠᠯᠠᠩ ᠤᠨ ᠦᠢᠯᠡᠳᠪᠦᠷᠢᠯᠡᠯ ᠳᠤ ᠰᠢᠭᠤᠳ ᠦᠢᠯᠡᠴᠢᠯᠡᠬᠦ ᠦᠢᠯᠡᠳᠪᠦᠷᠢᠯᠡᠯ ᠤᠨ ᠪᠡᠯᠡᠳᠬᠡᠮᠵᠢ ᠶᠢ ᠪᠠᠶᠢᠭᠤᠯᠬᠤ ᠳᠤ ᠡᠮᠦᠨᠡᠬᠢ ᠵᠤᠷᠪᠤᠰ ᠲᠤ ᠲᠣᠭᠲᠠᠭᠠᠭᠰᠠᠨ ᠲᠠᠷᠢᠶᠠᠯᠠᠩ ᠤᠨ ᠬᠡᠷᠡᠭᠯᠡᠬᠦ ᠭᠠᠵᠠᠷ ᠢ ᠡᠵᠡᠯᠡᠨ ᠬᠡᠷᠡᠭᠯᠡᠭᠰᠡᠨ ᠪᠣᠯ᠂ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠲᠠᠲᠠᠪᠤᠷᠢᠯᠠᠬᠤ ᠦᠭᠡᠶ᠃      ᠠᠷᠪᠠᠨ ᠲᠠᠪᠤᠳᠤᠭᠠᠷ ᠵᠦᠢᠯ   ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠶᠢᠨ ᠲᠠᠲᠠᠪᠤᠷᠢᠯᠠᠬᠤ ᠬᠠᠮᠢᠶᠠᠷᠤᠯᠲᠠ ᠶᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠶᠢᠯᠢ ᠲᠠᠲᠠᠪᠤᠷᠢ ᠶᠢᠨ ᠲᠠᠲᠠᠪᠤᠷᠢᠯᠠᠬᠤ ᠬᠠᠮᠢᠶᠠᠷᠤᠯᠲᠠ ᠶᠢᠨ ᠠᠷᠭ᠎ᠠ︾ ᠪᠣᠯᠤᠨ ᠲᠤᠰ ᠳᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ

        365赢多少钱会被限额_国内有真正的365平台吗_365bet博彩官网

        ᠬᠡᠷᠡᠭᠵᠢᠭᠦᠯᠦᠨ᠎ᠡ᠃      ᠠᠷᠪᠠᠨ ᠵᠢᠷᠭᠤᠳᠤᠭᠠᠷ ᠵᠦᠢᠯ   ᠲᠤᠰ ᠳᠦᠷᠢᠮ ᠢ 2008 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ 1987 ᠣᠨ ᠤ 4 ᠰᠠᠷ᠎ᠠ ᠶᠢᠨ 1 ᠤ ᠡᠳᠦᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠨᠡᠶᠢᠲᠡᠯᠡᠭᠰᠡᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠭᠠᠶᠢᠯᠢ ᠶᠢᠨ ᠲᠦᠷ ᠬᠡᠷᠡᠭᠵᠢᠭᠦᠯᠬᠦ ᠳᠦᠷᠢᠮ︾ ᠢ ᠵᠡᠷᠭᠡ ᠳᠤᠨᠢ ᠬᠦᠴᠦᠨ ᠦᠭᠡᠶ ᠪᠣᠯᠭᠠᠨ᠎ᠠ᠃
        ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ