内蒙古自治区人民政府 365赢多少钱会被限额_国内有真正的365平台吗_365bet博彩官网

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠦᠪᠰᠢᠶᠡᠷᠡᠯ ᠤᠨ ᠬᠠᠤᠯᠢ
        ᠨᠡᠶᠢᠲᠡᠯᠡᠭᠰᠡᠨ ᠴᠠᠭ᠄
        2017/6/9
             ︵2003 ᠤᠨ ᠤ 8 ᠳ᠋ᠤᠭᠠᠷ ᠰᠠᠷ᠎ᠠ ᠶᠢᠨ 27 ᠤ ᠡᠳᠦᠷ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠦᠷᠪᠡᠳᠦᠬᠡᠷ ᠬᠤᠷᠠᠯᠳᠤᠭᠠᠨ ᠠᠴᠠ ᠪᠠᠲᠤᠯᠠᠪᠠ᠂ 2003 ᠤᠨ ᠤ 8 ᠳ᠋ᠤᠭᠠᠷ ᠰᠠᠷ᠎ᠠ ᠶᠢᠨ 27 ᠤ ᠡᠳᠦᠷ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ 7 ᠳ᠋ᠣᠭᠠᠷ ᠲᠤᠭᠠᠲᠤ  ᠲᠡᠷᠢᠭᠦᠯᠡᠭᠴᠢ ᠶᠢᠨ ᠵᠠᠷᠯᠢᠭ ᠢᠶᠠᠷ ᠨᠡᠶᠢᠲᠡᠯᠡᠨ᠂ 2004 ᠤᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠬᠦᠯᠪᠡ︶        ᠨᠢᠬᠡᠳᠦᠬᠡᠷ ᠪᠦᠯᠦᠭ   ᠶᠡᠷᠦᠩᠬᠡᠢ ᠲᠦᠷᠢᠮ      ᠨᠢᠬᠡᠳᠦᠬᠡᠷ ᠵᠦᠢᠯ   ᠵᠠᠰᠠᠭ ᠵᠠᠬᠢᠷᠭᠠᠨ ᠤ ᠵᠦᠪᠰᠢᠶᠡᠷᠡᠯ ᠢ ᠲᠤᠭᠳᠠᠭᠠᠬᠤ ᠪᠠ ᠭᠡᠷᠡᠭᠵᠢᠬᠦᠯᠬᠦ ᠠᠵᠢᠯᠯᠠᠭ᠎ᠠ ᠶᠢ ᠵᠢᠷᠤᠮᠵᠢᠭᠤᠯᠤᠨ᠂  ᠠᠷᠠᠳ ᠢᠷᠭᠡᠨ᠂ ᠬᠠᠤᠯᠢ ᠶᠢᠨ ᠬᠦᠮᠦᠨ ᠪᠤᠯᠤᠨ ᠪᠤᠰᠤᠳ ᠵᠤᠬᠢᠶᠠᠨ ᠪᠠᠶᠢᠭᠤᠯᠤᠯᠳᠠ ᠶᠢᠨ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠵᠤ᠂ ᠤᠯᠠᠨ ᠨᠡᠶᠢᠳᠡ ᠶᠢᠨ ᠠᠰᠢᠭ ᠲᠤᠰᠠ ᠪᠠ ᠨᠡᠶᠢᠬᠡᠮ ᠤᠨ ᠡᠮᠬᠢ ᠲᠢᠭᠯᠢᠮ ᠢ ᠬᠠᠮᠠᠭᠠᠯᠠᠨ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠳᠠ ᠪᠠᠨ ᠪᠦᠳᠦᠮᠵᠢᠳᠡᠢ ᠪᠠᠷ ᠭᠡᠷᠡᠭᠵᠢᠬᠦᠯᠬᠦ ᠶᠢ ᠪᠠᠳᠤᠯᠠᠵᠤ ᠲᠡᠬᠦᠨ ᠳᠤ ᠬᠢᠨᠠᠯᠳᠠ ᠲᠠᠯᠪᠢᠬᠤ ᠶᠢᠨ ᠲᠦᠯᠤᠭᠡ᠂ ᠦᠨᠳᠦᠰᠦᠨ ᠬᠠᠤᠯᠢ ᠶᠢ ᠦᠨᠳᠦᠰᠦᠯᠡᠨ ᠲᠤᠰ ᠬᠠᠤᠯᠢ ᠶᠢ ᠲᠤᠭᠳᠠᠭᠠᠪᠠ᠃      ᠬᠤᠶᠠᠳᠤᠭᠠᠷ ᠵᠦᠢᠯ   ᠲᠤᠰ ᠬᠠᠤᠯᠢ ᠳᠤ ᠬᠡᠯᠡᠵᠤ ᠪᠠᠶᠢᠭ᠎ᠠ ᠵᠠᠰᠠᠭ ᠵᠠᠬᠢᠷᠭᠠᠨ ᠤ ᠵᠦᠪᠰᠢᠶᠡᠷᠡᠯ ᠭᠡᠳᠡᠭ ᠨᠢ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠠᠷᠠᠳ ᠢᠷᠭᠡᠨ᠂ ᠬᠠᠤᠯᠢ ᠶᠢᠨ ᠬᠦᠮᠦᠨ ᠪᠤᠶᠤ ᠪᠤᠰᠤᠳ ᠵᠤᠬᠢᠶᠠᠨ ᠪᠠᠶᠢᠭᠤᠯᠤᠯᠳᠠ ᠶᠢᠨ ᠭᠤᠶᠤᠴᠢᠯᠠᠯ ᠢ ᠦᠨᠳᠦᠰᠦᠯᠡᠵᠤ᠂ ᠬᠠᠤᠯᠢ ᠶᠤᠰᠤᠭᠠᠷ ᠬᠢᠨᠠᠨ ᠪᠠᠶᠢᠴᠠᠭᠠᠬᠤ ᠪᠠᠷ ᠲᠠᠮᠵᠢᠭᠤᠯᠤᠨ᠂ ᠲᠡᠬᠦᠨ ᠤ ᠲᠤᠰᠬᠠᠢ ᠲᠤᠭᠳᠠᠭᠠᠭᠰᠠᠨ ᠠᠵᠢᠯᠯᠠᠭ᠎ᠠ ᠬᠢᠬᠦ ᠶᠢ ᠵᠦᠪᠰᠢᠶᠡᠷᠡᠬᠦ ᠠᠵᠢᠯᠯᠠᠭ᠎ᠠ ᠶᠢ ᠬᠡᠯᠡᠵᠦ ᠪᠠᠶᠢᠨ᠎ᠠ᠃      ᠭᠤᠷᠪᠠᠳᠤᠭᠠᠷ ᠵᠦᠢᠯ   ᠵᠠᠰᠠᠭ ᠵᠠᠬᠢᠷᠭᠠᠨ ᠤ ᠵᠦᠪᠰᠢᠶᠡᠷᠡᠯ ᠢ ᠲᠤᠭᠳᠠᠭᠠᠬᠤ ᠪᠠ ᠭᠡᠷᠡᠭᠵᠢᠬᠦᠯᠬᠦ ᠳᠤ ᠲᠤᠰ ᠬᠠᠤᠯᠢ ᠶᠢ ᠭᠡᠷᠡᠭᠯᠡᠨ᠎ᠠ᠃      ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠪᠤᠰᠤᠳ ᠪᠠᠶᠢᠭᠤᠯᠭ᠎ᠠ ᠪᠤᠶᠤ ᠲᠡᠬᠦᠨ ᠤ ᠰᠢᠭᠤᠳ ᠬᠠᠮᠢᠶᠠᠷᠴᠤ ᠪᠠᠶᠢᠭ᠎ᠠ ᠠᠵᠢᠯ ᠦᠢᠯᠡᠰ ᠤᠨ ᠨᠢᠬᠡᠴᠢ ᠶᠢᠨ ᠠᠵᠢᠯᠳᠠᠨ ᠤ ᠶᠠᠪᠤᠳᠠᠯ᠂ ᠡᠳ᠋ ᠤᠨ ᠶᠠᠪᠤᠳᠠᠯ᠂ ᠭᠠᠳᠠᠭᠠᠳᠤ ᠶᠠᠪᠤᠳᠠᠯ ᠵᠡᠷᠭᠡ ᠠᠵᠢᠯ ᠭᠡᠷᠡᠭ ᠢ ᠬᠢᠨᠠᠨ ᠵᠦᠪᠰᠢᠶᠡᠷᠡᠬᠦ ᠳᠤ ᠲᠤᠰ ᠬᠠᠤᠯᠢ ᠶᠢ ᠭᠡᠷᠡᠭᠯᠡᠬᠦ ᠦᠬᠡᠢ      ᠲᠦᠷᠪᠡᠳᠦᠬᠡᠷ ᠵᠦᠢᠯ   ᠵᠠᠰᠠᠭ ᠵᠠᠬᠢᠷᠭᠠᠨ ᠤ ᠵᠦᠪᠰᠢᠶᠡᠷᠡᠯ ᠢ ᠲᠤᠭᠳᠠᠭᠠᠬᠤ ᠪᠠ ᠬᠡᠷᠡᠭᠵᠢᠬᠦᠯᠬᠦ ᠳᠤ ᠬᠠᠤᠯᠢ ᠳᠤ ᠲᠤᠭᠳᠠᠭᠠᠭᠰᠠᠨ ᠡᠷᠭᠡ ᠮᠡᠳᠡᠯ ᠤᠨ ᠬᠡᠪᠴᠢᠶ᠎ᠡ ᠂ ᠬᠦᠷᠢᠶ᠎ᠡ ᠭᠡᠪᠴᠢᠶ᠎ᠠ᠂ ᠨᠦᠬᠦᠴᠡᠯ ᠪᠠ ᠵᠢᠷᠤᠮ ᠢ ᠦᠨᠳᠦᠰᠦᠯᠡᠬᠦ ᠬᠡᠷᠡᠭᠳᠡᠢ᠃      ᠲᠠᠪᠤᠳᠤᠭᠠᠷ ᠵᠦᠢᠯ   ᠵᠠᠰᠠᠬ ᠵᠠᠬᠢᠷᠭᠠᠨ ᠤ ᠵᠦᠪᠰᠢᠶᠡᠷᠡᠯ ᠢ ᠲᠤᠭᠳᠠᠭᠠᠬᠤ ᠪᠠ ᠭᠡᠷᠡᠭᠵᠢᠬᠦᠯᠬᠦ ᠳᠤ ᠢᠯᠡ ᠲᠤᠳᠤ᠂ ᠡᠷᠭᠡ ᠲᠡᠭᠰᠢ᠂ ᠲᠦᠪ ᠭᠤᠤᠯᠴᠢ ᠪᠠᠶᠢᠬᠤ ᠵᠠᠷᠴᠢᠮ ᠢ ᠵᠢᠷᠤᠮᠯᠠᠬᠤ ᠬᠡᠷᠡᠭᠳᠡᠢ᠃      ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠵᠦᠪᠰᠢᠶᠡᠷᠡᠯ ᠤᠨ ᠲᠤᠭᠳᠠᠭᠠᠯ ᠢ ᠨᠡᠶᠢᠳᠡᠯᠡᠬᠦ ᠬᠡᠷᠡᠭᠳᠡᠢ︔ ᠨᠡᠶᠢᠳᠡᠯᠡᠭᠰᠡᠨ ᠦᠬᠡᠢ ᠪᠠᠶᠢᠪᠠᠯ᠂ ᠵᠠᠰᠠᠭ ᠵᠠᠬᠢᠷᠭᠠᠨ ᠤ ᠵᠦᠪᠰᠢᠶᠡᠷᠡᠯ ᠢ ᠭᠡᠷᠡᠭᠵᠢᠬᠦᠯᠬᠦ ᠦᠨᠳᠦᠰᠦᠯᠡᠯ ᠪᠤᠯᠭᠠᠵᠤ ᠪᠤᠯᠬᠤ ᠦᠬᠡᠢ᠃      ᠵᠠᠰᠠᠭ ᠵᠠᠬᠢᠷᠭᠠᠨ ᠤ ᠵᠦᠪᠰᠢᠶᠡᠷᠡᠯ ᠤᠨ ᠭᠡᠷᠡᠭᠵᠢᠬᠦᠯᠤᠯᠳᠠ ᠪᠠ ᠲᠡᠬᠦᠨ ᠤ ᠦᠷ᠎ᠠ ᠳ᠋ᠦᠩ ᠢ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ ᠪᠤᠶᠤ ᠬᠤᠪᠢ ᠬᠦᠮᠦᠨ ᠤ ᠨᠢᠭᠤᠴᠠ ᠳᠤ ᠬᠤᠯᠪᠤᠭᠳᠠᠭᠰᠠᠨ ᠠᠴᠠ ᠪᠤᠰᠤᠳ ᠢ ᠨᠢ ᠢᠯᠡ ᠪᠠᠷ ᠨᠡᠶᠢᠳᠡᠯᠡᠬᠦ ᠭᠡᠷᠡᠭᠳᠡᠢ᠃      ᠬᠠᠤᠯᠢ ᠳᠤ ᠲᠤᠭᠳᠠᠭᠠᠭᠰᠠᠨ ᠨᠦᠬᠦᠴᠡᠯ᠂ ᠪᠠᠷᠢᠮᠵᠢᠶ᠎ᠠ ᠳᠤ ᠨᠠᠶᠢᠴᠡᠵᠤ ᠪᠠᠶᠢᠪᠠᠯ᠂ ᠭᠤᠶᠤᠴᠢᠯᠠᠭᠴᠢ ᠨᠢ ᠬᠠᠤᠯᠢ ᠶᠤᠰᠤᠭᠠᠷ ᠵᠠᠰᠠᠭ ᠵᠠᠬᠢᠷᠭᠠᠨ ᠤ ᠵᠦᠪᠰᠢᠶᠡᠷᠡᠯ ᠤᠯᠬᠤ ᠠᠳᠠᠯᠢ ᠲᠡᠭᠰᠢ ᠡᠷᠭᠡ ᠲᠠᠢ᠂ ᠵᠠᠰᠠᠭ ᠵᠠᠬᠢᠷᠭᠠᠨ ᠤ ᠪᠠᠶᠢᠭᠤᠯᠭ᠎ᠠ ᠭᠠᠳᠠᠭᠤᠷᠴᠢᠯᠠᠵᠤ ᠪᠤᠯᠬᠤ ᠦᠬᠡᠢ᠃      ᠵᠢᠷᠭᠤᠳᠤᠭᠠᠷ ᠵᠦᠢᠯ   ᠵᠠᠰᠠᠭ ᠵᠠᠬᠢᠷᠭᠠᠨ ᠤ ᠵᠦᠪᠰᠢᠶᠡᠷᠠᠯ ᠢ ᠭᠡᠷᠡᠭᠵᠢᠬᠦᠯᠬᠦ ᠳᠤ ᠠᠷᠠᠳ ᠲᠤ ᠲᠦᠬᠦᠮ ᠦᠵᠡᠬᠦᠯᠬᠦ ᠵᠠᠷᠴᠢᠮ ᠢ ᠵᠢᠷᠤᠮᠯᠠᠨ᠂ ᠠᠵᠢᠯ ᠶᠠᠪᠤᠳᠠᠯ ᠡᠷᠬᠢᠯᠡᠬᠦ ᠦᠷ᠎ᠠ ᠪᠦᠳᠦᠭᠡᠯ ᠢᠶᠠᠨ ᠲᠡᠭᠡᠭᠰᠢᠯᠡᠬᠦᠯᠵᠤ᠂ ᠴᠢᠨᠠᠷ ᠰᠠᠶᠢᠲᠠᠢ ᠦᠢᠯᠡᠴᠢᠯᠡᠭᠡ ᠬᠠᠨᠭ᠍ᠭᠠᠬᠤ ᠭᠡᠷᠡᠭᠳᠡᠢ᠃      ᠲᠤᠯᠤᠳᠤᠭᠠᠷ ᠵᠦᠢᠯ   ᠠᠷᠠᠳ ᠢᠷᠭᠡᠨ᠂ ᠬᠠᠤᠯᠢ ᠶᠢᠨ ᠬᠦᠮᠦᠨ ᠪᠤᠶᠤ ᠪᠤᠰᠤᠳ ᠵᠤᠬᠢᠶᠠᠨ ᠪᠠᠶᠢᠭᠤᠯᠤᠯᠳᠠ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠵᠦᠪᠰᠢᠶᠡᠷᠡᠯ ᠭᠡᠷᠡᠭᠵᠢᠬᠦᠯᠬᠦ ᠶᠠᠪᠤᠳᠠᠯ ᠳᠤ ᠲᠤᠭᠠᠴᠢᠨ ᠦᠬᠦᠯᠡᠬᠦ ᠡᠷᠭᠡ᠂ ᠵᠦᠪᠳᠡᠭᠡᠨ ᠲᠤᠳᠤᠷᠬᠠᠶᠢᠢᠯᠠᠬᠤ ᠡᠷᠭᠡ ᠲᠠᠢ︔ ᠬᠠᠤᠯᠢ ᠶᠤᠰᠤᠭᠠᠷ ᠵᠠᠰᠠᠭ ᠵᠠᠬᠢᠷᠭᠠᠨ ᠢᠶᠠᠷ ᠲᠠᠪᠳᠠᠨ ᠶᠠᠷᠢᠯᠴᠠᠭᠤᠯᠬᠤ ᠪᠠᠷ ᠭᠤᠶᠤᠴᠢᠯᠠᠬᠤ ᠪᠤᠶᠤ ᠵᠠᠰᠠᠭ ᠵᠠᠬᠢᠷᠭᠠᠨ ᠤ ᠵᠠᠭᠠᠯᠳᠤᠯᠭ᠎ᠠ ᠬᠢᠬᠦ ᠡᠷᠭᠡ ᠲᠠᠢ︔ ᠲᠡᠬᠦᠨ ᠤ ᠬᠠᠤᠯᠢ ᠶᠤᠰᠤᠨ ᠤ ᠡᠷᠭᠡ ᠠᠰᠢᠭ ᠨᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠢ ᠵᠦᠷᠢᠴᠠᠨ ᠵᠠᠰᠠᠭ ᠵᠠᠬᠢᠷᠭᠠᠨ ᠤ ᠵᠦᠪᠰᠢᠶᠡᠷᠡᠯ ᠢ ᠭᠡᠷᠡᠭᠵᠢᠬᠦᠯᠦᠭᠰᠡᠨ ᠠᠴᠠ ᠪᠤᠯᠵᠤ ᠬᠤᠬᠢᠷᠠᠯ ᠳᠤ ᠤᠴᠠᠷᠠᠭᠰᠠᠨ ᠪᠠᠶᠢᠪᠠᠯ᠂ ᠬᠠᠤᠯᠢ ᠶᠤᠰᠤᠭᠠᠷ ᠲᠦᠯᠦᠪᠦᠷᠢ ᠠᠪᠬᠤ ᠪᠠᠷ ᠱᠠᠭᠠᠷᠳᠠᠬᠤ ᠡᠷᠭᠡ ᠲᠠᠢ᠃      ᠨᠠᠢᠮᠠᠳᠤᠭᠠᠷ ᠵᠦᠢᠯ   ᠠᠷᠠᠳ ᠢᠷᠭᠡᠨ᠂ ᠬᠠᠤᠯᠢ ᠶᠢᠨ ᠬᠦᠮᠦᠨ ᠪᠤᠶᠤ ᠪᠤᠰᠤᠳ ᠵᠤᠬᠢᠶᠠᠨ ᠪᠠᠶᠢᠭᠤᠯᠤᠯᠳᠠ ᠶᠢᠨ ᠬᠠᠤᠯᠢ ᠶᠤᠰᠤᠭᠠᠷ ᠤᠯᠤᠭᠰᠠᠨ ᠵᠠᠰᠠᠬ ᠵᠠᠬᠢᠷᠭᠠᠨ ᠤ ᠵᠦᠪᠰᠢᠶᠡᠷᠡᠯ ᠢ ᠬᠠᠤᠯᠢ ᠪᠠᠷ ᠬᠠᠮᠠᠭᠠᠯᠠᠨ᠎ᠠ᠂ ᠵᠠᠰᠠᠭ ᠵᠠᠬᠢᠷᠭᠠᠨ ᠤ ᠪᠠᠶᠢᠭᠤᠯᠭ᠎ᠠ ᠨᠢᠭᠡᠨᠳᠡ ᠬᠦᠴᠦᠨ ᠲᠠᠢ ᠪᠤᠯᠤᠭᠰᠠᠨ ᠵᠠᠰᠠᠭ ᠵᠠᠬᠢᠷᠭᠠᠨ ᠤ ᠵᠦᠪᠰᠢᠶᠡᠷᠡᠯ ᠢ ᠲᠤᠷ᠎ᠠ ᠪᠠᠷ ᠢᠶᠠᠨ ᠬᠤᠪᠢᠷᠠᠭᠤᠯᠵᠤ ᠪᠤᠯᠬᠤ ᠦᠬᠡᠢ᠃      ᠵᠠᠰᠠᠬ ᠵᠠᠬᠢᠷᠭᠠᠨ ᠤ ᠵᠦᠪᠰᠢᠶᠡᠷᠡᠯ ᠤᠨ ᠦᠨᠳᠦᠰᠦ ᠪᠠᠷᠢᠮᠳᠠ ᠪᠤᠯᠭᠠᠭᠰᠠᠨ ᠬᠠᠤᠯᠢ ᠴᠠᠭᠠᠵᠠ᠂ ᠬᠠᠤᠯᠢ ᠲᠤᠭᠳᠠᠭᠠᠯ᠂ ᠲᠦᠷᠢᠮ ᠳᠤ ᠵᠠᠰᠠᠪᠤᠷᠢ ᠤᠷᠤᠭᠤᠯᠤᠭᠰᠠᠨ ᠪᠤᠶᠤ ᠲᠡᠬᠦᠨ ᠢ ᠬᠦᠴᠦᠨ ᠦᠬᠡᠢ ᠪᠤᠯᠭᠠᠭᠰᠠᠨ᠂ ᠡᠰᠡᠬᠦᠯ᠎ᠠ ᠵᠠᠰᠠᠬ ᠵᠠᠬᠢᠷᠭᠠᠨ ᠤ ᠵᠦᠪᠰᠢᠶᠡᠷᠡᠯ ᠦᠭᠬᠦ ᠦᠨᠳᠦᠰᠦ ᠪᠠᠷᠢᠮᠳᠠ ᠪᠤᠯᠭᠠᠭᠰᠠᠨ ᠪᠤᠰᠤᠳᠴᠢ ᠪᠠᠶᠢᠳᠠᠯ ᠳᠤ ᠴᠢᠬᠤᠯᠠ ᠶᠡᠭᠡ ᠬᠤᠪᠢᠷᠠᠯᠳᠠ ᠭᠠᠷᠤᠭᠰᠠᠨ ᠪᠠᠶᠢᠪᠠᠯ᠂ ᠤᠯᠠᠨ ᠨᠡᠶᠢᠳᠡ ᠶᠢᠨ ᠠᠰᠢᠭ ᠲᠤᠰᠠ ᠶᠢᠨ ᠭᠡᠷᠡᠭᠴᠡᠭᠡ ᠶᠢᠨ ᠲᠦᠯᠦᠬᠡ᠂ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠨᠢᠬᠡᠨᠳᠡ ᠬᠦᠴᠦᠨ ᠲᠠᠢ ᠪᠤᠯᠤᠭᠰᠠᠨ ᠵᠠᠰᠠᠭ ᠵᠠᠬᠢᠷᠭᠠᠨ ᠤ ᠵᠦᠪᠰᠢᠶᠡᠷᠡᠯ ᠢ ᠬᠠᠤᠯᠢ ᠶᠤᠰᠤᠭᠠᠷ ᠬᠤᠪᠢᠷᠠᠭᠤᠯᠬᠤ ᠪᠤᠶᠤ ᠪᠤᠴᠠᠭᠠᠨ ᠠᠪᠴᠤ ᠪᠤᠯᠤᠨ᠎ᠠ᠃ ᠡᠬᠦᠨ ᠠᠴᠠ ᠪᠤᠯᠵᠤ ᠠᠷᠠᠳ ᠢᠷᠭᠡᠨ᠂ ᠬᠠᠤᠯᠢ ᠶᠢᠨ ᠬᠦᠮᠦᠨ ᠪᠤᠶᠤ ᠪᠤᠰᠤᠳ ᠵᠤᠬᠢᠶᠠᠨ ᠪᠠᠶᠢᠭᠤᠯᠤᠯᠳᠠ ᠳᠤ ᠡᠳ᠋ ᠬᠦᠷᠦᠩᠬᠡ ᠶᠢᠨ ᠬᠤᠬᠢᠷᠠᠯ ᠤᠴᠠᠷᠠᠭᠤᠯᠤᠭᠰᠠᠨ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠬᠠᠤᠯᠢ ᠶᠤᠰᠤᠭᠠᠷ ᠲᠦᠯᠦᠪᠦᠷᠢ ᠦᠭᠬᠦ ᠬᠡᠷᠡᠭᠳᠡᠢ᠃      ᠶᠢᠰᠦᠳᠦᠬᠡᠷ ᠵᠦᠢᠯ   ᠬᠠᠤᠯᠢ ᠶᠤᠰᠤᠭᠠᠷ ᠤᠯᠤᠭᠰᠠᠨ ᠵᠠᠰᠠᠭ ᠵᠠᠬᠢᠷᠭᠠᠨ ᠤ ᠵᠦᠪᠰᠢᠶᠡᠷᠡᠯ ᠢ ᠬᠠᠤᠯᠢ ᠳᠤ ᠲᠤᠭᠳᠠᠭᠠᠭᠰᠠᠨ ᠨᠦᠬᠦᠴᠡᠯ ᠪᠠ ᠵᠢᠷᠤᠮ ᠶᠤᠰᠤᠭᠠᠷ ᠰᠢᠯᠵᠢᠬᠦᠯᠵᠤ ᠪᠤᠯᠬᠤ ᠪᠠᠷ ᠬᠠᠤᠯᠢ ᠴᠠᠭᠠᠵᠠ᠂ ᠬᠠᠤᠯᠢ ᠲᠤᠭᠳᠠᠭᠠᠯ ᠳᠤ ᠲᠤᠭᠳᠠᠭᠠᠭᠰᠠᠨ ᠠᠴᠠ ᠪᠤᠰᠤᠳ ᠢ ᠨᠢ ᠰᠢᠯᠵᠢᠬᠦᠯᠵᠤ ᠪᠤᠯᠬᠤ ᠦᠬᠡᠢ᠃      ᠠᠷᠪᠠᠳᠤᠭᠠᠷ ᠵᠦᠢᠯ   ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠵᠦᠪᠰᠢᠶᠡᠷᠡᠯ ᠢ ᠭᠡᠷᠡᠭᠵᠢᠬᠦᠯᠬᠦ ᠠᠵᠢᠯᠯᠠᠭ᠎ᠠ ᠳᠤ ᠬᠢᠨᠠᠯᠳᠠ ᠲᠠᠯᠪᠢᠬᠤ ᠲᠦᠷᠢᠮ ᠢ ᠪᠠᠶᠢᠭᠤᠯᠤᠨ ᠲᠡᠬᠦᠯᠳᠡᠷᠵᠢᠬᠦᠯᠵᠤ᠂ ᠵᠠᠰᠠᠬ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠵᠦᠪᠰᠢᠶᠡᠷᠡᠯ ᠢ ᠭᠡᠷᠡᠭᠵᠢᠬᠦᠯᠬᠦ ᠠᠵᠢᠯᠯᠠᠭ᠎ᠠ ᠶᠢ ᠬᠢᠨᠠᠵᠤ ᠪᠠᠶᠢᠴᠠᠭᠠᠬᠤ ᠪᠠᠨ ᠴᠢᠩᠭᠠᠳᠬᠠᠬᠤ ᠭᠡᠷᠡᠭᠳᠡᠢ᠃      ᠵᠠᠰᠠᠬ ᠵᠠᠬᠢᠷᠭᠠᠨ ᠤ ᠪᠠᠶᠢᠭᠤᠯᠭ᠎ᠠ ᠠᠷᠠᠳ ᠢᠷᠭᠡᠨ᠂ ᠬᠠᠤᠯᠢ ᠶᠢᠨ ᠬᠦᠮᠦᠨ ᠪᠤᠶᠤ ᠪᠤᠰᠤᠳ ᠵᠤᠬᠢᠶᠠᠨ ᠪᠠᠶᠢᠭᠤᠯᠤᠯᠳᠠ ᠶᠢᠨ ᠵᠠᠰᠠᠭ ᠵᠠᠬᠢᠷᠭᠠᠨ ᠤ ᠵᠦᠪᠰᠢᠶᠡᠷᠡᠯ ᠤᠨ ᠵᠦᠢᠯ ᠤᠳ ᠤᠨ ᠠᠵᠢᠯᠯᠠᠭ᠎ᠠ ᠬᠢᠬᠦ ᠳᠤ ᠪᠦᠳᠦᠮᠵᠢᠳᠡᠢ ᠬᠢᠨᠠᠯᠳᠠ ᠲᠠᠯᠪᠢᠬᠤ ᠬᠡᠷᠡᠭᠳᠡᠢ᠃      ᠬᠤᠶᠠᠳᠤᠭᠠᠷ ᠪᠦᠯᠦᠭ    ᠵᠠᠰᠠᠭ ᠵᠠᠬᠢᠷᠭᠠᠨ ᠤ ᠵᠦᠪᠰᠢᠶᠡᠷᠡᠯ ᠢ ᠲᠤᠭᠳᠠᠭᠠᠬᠤ      ᠠᠷᠪᠠᠨ ᠨᠢᠬᠡᠳᠦᠬᠡᠷ ᠵᠦᠢᠯ   ᠵᠠᠰᠠᠭ ᠵᠠᠬᠢᠷᠭᠠᠨ ᠤ ᠵᠦᠪᠰᠢᠶᠡᠷᠡᠯ ᠢ ᠲᠤᠭᠳᠠᠭᠠᠬᠤ ᠳᠤ ᠠᠵᠤ ᠠᠬᠤᠢ ᠪᠠ ᠨᠡᠶᠢᠬᠡᠮ ᠤᠨ ᠬᠦᠭᠵᠢᠯᠳᠡ ᠶᠢᠨ ᠵᠢᠮ᠎ᠠ ᠶᠤᠰᠤ ᠶᠢ ᠵᠢᠷᠤᠮᠯᠠᠨ᠂ ᠠᠷᠠᠳ ᠢᠷᠭᠡᠨ᠂ ᠬᠠᠤᠯᠢ ᠶᠢᠨ ᠬᠦᠮᠦᠨ ᠪᠤᠶᠤ ᠪᠤᠰᠤᠳ ᠵᠤᠬᠢᠶᠠᠨ ᠪᠠᠶᠢᠭᠤᠯᠤᠯᠳᠠ ᠶᠢᠨ ᠢᠳᠡᠪᠬᠢᠵᠢᠯ ᠪᠠ ᠰᠠᠨᠠᠭᠠᠴᠢᠯᠠᠭᠠᠳᠤ ᠴᠢᠨᠡᠷ ᠢ ᠪᠠᠳᠠᠷᠠᠭᠤᠯᠬᠤ ᠳᠤ ᠠᠰᠢᠭᠳᠠᠢ ᠪᠠᠶᠢᠯᠭᠠᠵᠤ᠂ ᠤᠯᠠᠨ ᠨᠡᠶᠢᠳᠡ ᠶᠢᠨ ᠠᠰᠢᠭ ᠲᠤᠰᠠ ᠪᠠ ᠨᠡᠶᠢᠬᠡᠮ ᠤᠨ ᠡᠮᠬᠢ ᠲᠢᠭᠯᠢᠮ ᠢ ᠬᠠᠮᠠᠭᠠᠯᠠᠨ᠂ ᠠᠵᠤ ᠠᠬᠤᠢ᠂ ᠨᠡᠶᠢᠬᠡᠮ ᠪᠠ ᠠᠮᠢ ᠠᠬᠤᠢ ᠶᠢᠨ ᠤᠷᠴᠢᠨ ᠨᠦᠬᠦᠴᠡᠯ ᠤᠨ ᠵᠤᠬᠢᠴᠠᠩᠭᠤᠢ ᠬᠦᠭᠵᠢᠯᠳᠡ ᠶᠢ ᠠᠬᠢᠭᠤᠯᠬᠤ ᠭᠡᠷᠡᠭᠳᠡᠢ᠃      ᠠᠷᠪᠠᠨ ᠬᠤᠶᠠᠳᠤᠭᠠᠷ ᠵᠦᠢᠯ   ᠲᠤᠤᠷ᠎ᠠ ᠵᠢᠭᠰᠠᠭᠠᠭᠰᠠᠨ ᠵᠦᠢᠯ ᠤᠳ ᠲᠤ ᠵᠠᠰᠠᠭ ᠵᠠᠬᠢᠷᠭᠠᠨ ᠤ ᠵᠦᠪᠰᠢᠶᠡᠷᠡᠯ ᠢ ᠲᠤᠭᠳᠠᠭᠠᠵᠤ ᠪᠤᠯᠤᠨ᠎ᠠ᠄      ︵ᠨᠢᠬᠡ︶ ᠤᠯᠤᠰ ᠤᠷᠤᠨ ᠤ ᠠᠮᠤᠷ ᠲᠦᠪᠰᠢᠨ᠂ ᠤᠯᠠᠨ ᠨᠡᠶᠢᠳᠡ ᠶᠢᠨ ᠠᠮᠤᠷ ᠲᠦᠪᠰᠢᠨ᠂ ᠠᠵᠤ ᠠᠬᠤᠢ ᠶᠢᠨ ᠬᠤᠷᠸ᠎ᠠ ᠲᠤᠬᠢᠷᠠᠭᠤᠯᠤᠯ ᠡᠵᠡᠮᠳᠡᠯ᠂ ᠠᠮᠢ ᠠᠬᠤᠢ ᠶᠢᠨ ᠤᠷᠴᠢᠨ ᠨᠦᠬᠦᠴᠡᠯ ᠤᠨ ᠬᠠᠮᠠᠭᠠᠯᠠᠯᠳᠠ ᠳᠤ ᠰᠢᠭᠤᠳ ᠬᠤᠯᠪᠤᠭᠳᠠᠬᠤ ᠵᠢᠴᠢ ᠬᠦᠮᠦᠨ ᠤ ᠪᠡᠶ᠎ᠡ ᠶᠢᠨ ᠡᠷᠡᠬᠦᠯ ᠮᠡᠨᠳᠦ᠂ ᠠᠮᠢ ᠨᠠᠰᠤ ᠡᠳ᠋ ᠬᠦᠷᠦᠩᠬᠡ ᠶᠢᠨ ᠠᠮᠤᠷ ᠲᠦᠪᠰᠢᠨ ᠵᠡᠷᠭᠡ ᠳᠤ ᠰᠢᠭᠤᠳ ᠬᠤᠯᠪᠤᠭᠳᠠᠬᠤ ᠲᠤᠰᠬᠠᠢ ᠲᠤᠭᠳᠠᠭᠠᠭᠰᠠᠨ ᠠᠵᠢᠯᠯᠠᠭ᠎ᠠ ᠳᠠᠬᠢ ᠬᠠᠤᠯᠢ ᠳᠤ ᠲᠤᠭᠳᠠᠭᠠᠭᠰᠠᠨ ᠨᠦᠬᠦᠴᠡᠯ ᠢ ᠦᠨᠳᠦᠰᠦᠯᠡᠨ ᠵᠦᠪᠰᠢᠶᠡᠷᠡᠬᠦ ᠴᠢᠬᠤᠯᠠᠳᠠᠢ ᠵᠦᠢᠯ ᠤᠳ︔      ︵ᠬᠤᠶᠠᠷ︶ ᠬᠢᠵᠠᠭᠠᠷᠳᠠᠢ ᠪᠠᠶᠢᠭᠠᠯᠢ ᠶᠢᠨ ᠡᠬᠢ ᠪᠠᠶᠠᠯᠢᠭ ᠤᠨ ᠨᠡᠭᠡᠭᠡᠨ ᠠᠰᠢᠭᠯᠠᠯᠳᠠ᠂ ᠤᠯᠠᠨ ᠨᠡᠶᠢᠳᠡ ᠶᠢᠨ ᠡᠬᠢ ᠪᠠᠶᠠᠯᠢᠭ ᠤᠨ ᠲᠤᠬᠢᠷᠠᠭᠤᠯᠤᠯᠳᠠ ᠵᠢᠴᠢ ᠤᠯᠠᠨ ᠨᠡᠶᠢᠳᠡ ᠶᠢᠨ ᠠᠰᠢᠭ ᠲᠤᠰᠠ ᠳᠤ ᠰᠢᠭᠤᠳ ᠬᠤᠯᠪᠤᠭᠳᠠᠬᠤ ᠲᠤᠰᠬᠠᠢ ᠲᠤᠭᠳᠠᠭᠠᠭᠰᠠᠨ ᠠᠵᠢᠯ ᠲᠦᠷᠦᠯ ᠤᠨ ᠵᠠᠬ᠎ᠠ ᠲᠡᠯᠬᠡᠬᠦᠷ ᠲᠤ ᠤᠷᠤᠬᠤ ᠵᠦᠪᠰᠢᠶᠡᠷᠡᠯ ᠵᠡᠷᠭᠡ ᠳᠠᠬᠢ ᠤᠨᠴᠠᠭᠠᠢ ᠡᠷᠭᠡ ᠤᠯᠭᠤᠬᠤ ᠴᠢᠬᠤᠯᠠᠳᠠᠢ ᠵᠦᠢᠯ ᠤᠳ︔      ︵ᠭᠤᠷᠪᠠ︶ ᠤᠯᠠᠨ ᠨᠡᠶᠢᠳᠡ ᠶᠢᠨ ᠦᠢᠯᠡᠴᠢᠯᠡᠭᠡ ᠬᠠᠨᠭ᠍ᠭᠠᠵᠤ ᠪᠠᠶᠢᠭ᠎ᠠ ᠮᠦᠷᠳᠡᠭᠡᠨ ᠤᠯᠠᠨ ᠨᠡᠶᠢᠳᠡ ᠶᠢᠨ ᠠᠰᠢᠭ ᠲᠤᠰᠠ ᠳᠤ ᠰᠢᠭᠤᠳ ᠬᠤᠯᠪᠤᠭᠳᠠᠬᠤ ᠠᠵᠢᠯ ᠮᠡᠷᠭᠡᠵᠢᠯ᠂ ᠠᠵᠢᠯ ᠲᠦᠷᠦᠯ ᠳᠠᠬᠢ ᠤᠨᠴᠠᠭᠠᠢ ᠢᠳᠡᠭᠡᠯ ᠬᠦᠨᠳᠦ᠂ ᠤᠨᠴᠠᠭᠠᠢ ᠨᠦᠬᠦᠴᠡᠯ ᠪᠤᠶᠤ ᠤᠨᠴᠠᠭᠠᠢ ᠮᠡᠷᠭᠡᠵᠢᠯ ᠴᠢᠳᠠᠪᠤᠷᠢ ᠵᠡᠷᠭᠡ ᠬᠢᠷᠢ ᠭᠡᠮ᠂ ᠬᠢᠷᠢ ᠴᠢᠳᠠᠯ ᠲᠠᠢ ᠪᠠᠶᠢᠬᠤ ᠶᠢ ᠲᠤᠭᠳᠠᠭᠠᠬᠤ ᠴᠢᠬᠤᠯᠠᠳᠠᠢ ᠵᠦᠢᠯ ᠤᠳ︔      ︵ᠲᠦᠷᠪᠡ︶ ᠤᠯᠠᠨ ᠨᠡᠶᠢᠳᠡ ᠶᠢᠨ ᠠᠮᠤᠷ ᠲᠦᠪᠰᠢᠨ᠂ ᠬᠦᠮᠦᠨ ᠤ ᠪᠡᠶ᠎ᠠ ᠶᠢᠨ ᠡᠷᠡᠬᠦᠯ ᠮᠡᠨᠳᠦ᠂ ᠠᠮᠢ ᠨᠠᠰᠤ ᠡᠳ᠋ ᠬᠦᠷᠦᠩᠬᠡ ᠶᠢᠨ ᠠᠮᠤᠷ ᠲᠦᠪᠰᠢᠨ ᠳᠤ ᠰᠢᠭᠤᠳ ᠬᠤᠯᠪᠤᠭᠳᠠᠬᠤ ᠴᠢᠬᠤᠯᠠ ᠲᠤᠨᠤᠭ ᠲᠦᠬᠦᠬᠡᠷᠦᠮᠵᠢ᠂ ᠪᠡᠯᠡᠳᠭᠡᠮᠵᠢ᠂ ᠦᠢᠯᠡᠳᠬᠦᠨ᠂ ᠡᠳ᠋ ᠪᠠᠷᠠᠭ᠎ᠠ ᠵᠡᠷᠭᠡ ᠳᠠᠬᠢ ᠮᠡᠷᠭᠡᠵᠢᠯ ᠤᠨ ᠪᠡᠷᠢᠮᠵᠢᠶ᠎ᠠ᠂ ᠮᠡᠷᠭᠡᠵᠢᠯ ᠤᠨ ᠲᠦᠷᠢᠮᠵᠢᠯ ᠶᠤᠰᠤᠭᠠᠷ ᠪᠠᠶᠢᠴᠠᠭᠠᠨ ᠰᠢᠯᠭᠠᠬᠤ᠂ ᠪᠠᠶᠢᠴᠠᠭᠠᠨ ᠬᠡᠮᠵᠢᠬᠦ᠂ ᠬᠢᠵᠢᠭ ᠢ ᠪᠠᠶᠢᠴᠠᠭᠠᠬᠤ ᠵᠡᠷᠭᠡ ᠠᠷᠭ᠎ᠠ ᠭᠡᠮᠵᠢᠶ᠎ᠠ ᠪᠠᠷ ᠲᠠᠮᠵᠢᠭᠤᠯᠤᠨ ᠬᠢᠨᠠᠨ ᠲᠤᠭᠳᠠᠭᠠᠬᠤ ᠴᠢᠬᠤᠯᠠᠳᠠᠢ ᠵᠦᠢᠯ ᠤᠳ︔      ︵ᠲᠠᠪᠤ︶ ᠠᠵᠤ ᠠᠬᠤᠶᠢᠢᠯᠠᠯ ᠪᠤᠶᠤ ᠪᠤᠰᠤᠳ ᠵᠤᠬᠢᠶᠠᠨ ᠪᠠᠶᠢᠭᠤᠯᠤᠯᠳᠠ ᠶᠢ ᠪᠠᠶᠢᠭᠤᠯᠬᠤ ᠵᠡᠷᠭᠡ ᠳᠠᠬᠢ ᠪᠡᠶᠡᠴᠢ ᠴᠤᠭᠴᠠ ᠶᠢᠨ ᠬᠢᠷᠢ ᠬᠡᠮ ᠢ ᠲᠤᠳᠤᠯᠠᠬᠤ ᠴᠢᠬᠤᠯᠠᠳᠠᠢ ᠵᠦᠢᠯ ᠤᠳ︔      ︵ᠵᠢᠷᠭᠤᠭ᠎ᠠ︶ ᠵᠠᠰᠠᠭ ᠵᠠᠬᠢᠷᠭᠠᠨ ᠤ ᠵᠦᠪᠰᠢᠶᠡᠷᠡᠯ ᠢ ᠲᠤᠭᠳᠠᠭᠠᠵᠤ ᠪᠤᠯᠬᠤ ᠪᠠᠷ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠳᠤ ᠲᠤᠭᠳᠠᠭᠠᠭᠰᠠᠨ ᠪᠤᠰᠤᠳ ᠵᠦᠢᠯ ᠤᠳ᠃      ᠠᠷᠪᠠᠨ ᠭᠤᠷᠪᠠᠳᠤᠭᠠᠷ ᠵᠦᠢᠯ   ᠲᠤᠰ ᠬᠠᠤᠯᠢ ᠶᠢᠨ ᠠᠷᠪᠠᠨ ᠬᠤᠶᠠᠳᠤᠭᠠᠷ ᠵᠦᠢᠯ ᠳᠤ ᠵᠢᠭᠰᠠᠭᠠᠭᠰᠠᠨ ᠵᠦᠢᠯ ᠤᠳ ᠢ ᠲᠤᠤᠷ᠎ᠠ ᠵᠢᠭᠰᠠᠭᠠᠭᠰᠠᠨ ᠠᠷᠭ᠎ᠠ ᠮᠠᠶ᠋ᠢᠭ ᠢᠶᠠᠷ ᠲᠠᠮᠵᠢᠭᠤᠯᠵᠤ ᠵᠢᠷᠤᠮᠵᠢᠭᠤᠯᠵᠤ ᠴᠢᠳᠠᠪᠠᠯ᠂ ᠵᠠᠰᠠᠭ ᠵᠠᠬᠢᠷᠭᠠᠨ ᠤ ᠵᠦᠪᠰᠢᠶᠡᠷᠡᠯ ᠢ ᠲᠤᠭᠳᠠᠭᠠᠬᠤ ᠦᠬᠡᠢ ᠪᠠᠶᠢᠵᠤ ᠪᠤᠯᠤᠨ᠎ᠠ᠄

        365赢多少钱会被限额_国内有真正的365平台吗_365bet博彩官网

             ︵ᠨᠢᠬᠡ︶ ᠠᠷᠠᠳ ᠢᠷᠭᠡᠨ᠂ ᠬᠠᠤᠯᠢ ᠶᠢᠨ ᠬᠦᠮᠦᠨ ᠪᠤᠶᠤ ᠪᠤᠰᠤᠳ ᠵᠤᠬᠢᠶᠠᠨ ᠪᠠᠶᠢᠭᠤᠯᠤᠯᠳᠠ ᠦᠪᠡᠰᠦᠪᠡᠨ ᠡᠵᠡᠨ ᠮᠡᠳᠡᠵᠤ ᠲᠤᠭᠳᠠᠭᠠᠵᠤ ᠴᠢᠳᠠᠬᠤ︔      ︵ᠬᠤᠶᠠᠷ︶ ᠵᠠᠬ᠎ᠠ ᠲᠡᠯᠬᠡᠬᠦᠷ ᠤᠨ ᠦᠷᠢᠰᠦᠯᠳᠦᠬᠡᠨ ᠤ ᠲᠤᠭᠳᠠᠴᠠ ᠪᠦᠳᠦᠮᠵᠢᠳᠡᠢ ᠪᠠᠷ ᠵᠤᠬᠢᠴᠠᠭᠤᠯᠵᠤ ᠴᠢᠳᠠᠬᠤ︔      ︵ᠭᠤᠷᠪᠠ︶ ᠠᠵᠢᠯ ᠲᠦᠷᠦᠯ ᠤᠨ ᠵᠤᠬᠢᠶᠠᠨ ᠪᠠᠶᠢᠭᠤᠯᠤᠯᠳᠠ ᠪᠤᠶᠤ ᠵᠠᠭᠤᠴᠢ ᠪᠠᠶᠢᠭᠤᠯᠤᠮᠵᠢ ᠦᠪᠡᠷ ᠢ ᠪᠠᠨ ᠬᠢᠵᠠᠭᠠᠷᠯᠠᠵᠤ ᠬᠠᠮᠢᠶᠠᠷᠴᠤ ᠴᠢᠳᠠᠬᠤ︔      ︵ᠲᠦᠷᠪᠡ︶ ᠵᠠᠰᠠᠬ ᠵᠠᠬᠢᠷᠭᠠᠨ ᠤ ᠪᠠᠶᠢᠭᠤᠯᠭ᠎ᠠ ᠭᠡᠷᠡᠭ ᠤᠨ ᠲᠠᠷᠠᠭ᠎ᠠ ᠬᠢᠨᠠᠯᠳᠠ ᠲᠠᠯᠪᠢᠬᠤ ᠵᠡᠷᠭᠡ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠪᠤᠰᠤᠳ ᠠᠷᠭ᠎ᠠ ᠮᠠᠶ᠋ᠢᠭ ᠢᠶᠠᠷ ᠰᠢᠢᠳᠪᠤᠷᠢᠯᠡᠵᠤ ᠴᠢᠳᠠᠬᠤ᠃      ᠠᠷᠪᠠᠨ ᠲᠦᠷᠪᠡᠳᠦᠭᠡᠷ ᠵᠦᠢᠯ   ᠲᠤᠰ ᠬᠠᠤᠯᠢ ᠶᠢᠨ ᠠᠷᠪᠠᠨ ᠬᠤᠶᠠᠳᠤᠭᠠᠷ ᠵᠦᠢᠯ ᠳᠤ ᠵᠢᠭᠰᠠᠭᠠᠭᠰᠠᠨ ᠵᠦᠢᠯ ᠤᠳ ᠲᠤ ᠬᠠᠤᠯᠢ ᠴᠠᠭᠠᠵᠠ ᠪᠠᠷ ᠵᠠᠰᠠᠬ ᠵᠠᠬᠢᠷᠭᠠᠨ ᠤ ᠵᠦᠪᠰᠢᠶᠡᠷᠡᠯ ᠢ ᠲᠤᠭᠳᠠᠭᠠᠵᠤ ᠪᠤᠯᠤᠨ᠎ᠠ᠃ ᠬᠠᠤᠯᠢ ᠴᠠᠭᠠᠵᠠ ᠲᠤᠭᠳᠠᠭᠠᠭᠠᠳᠤᠢ ᠪᠠᠶᠢᠪᠠᠯ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠢᠶᠠᠷ ᠵᠠᠰᠠᠭ ᠵᠠᠬᠢᠷᠭᠠᠨ ᠤ ᠵᠦᠪᠰᠢᠶᠡᠷᠡᠯ ᠢ ᠲᠤᠭᠳᠠᠭᠠᠵᠤ ᠪᠤᠯᠤᠨ᠎ᠠ᠃      ᠴᠢᠬᠤᠯᠠᠳᠠᠢ ᠦᠶᠡᠰ ᠲᠤ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠲᠤᠭᠳᠠᠭᠠᠯ ᠨᠡᠶᠢᠳᠡᠯᠡᠬᠦ ᠠᠷᠭ᠎ᠠ ᠮᠠᠶ᠋ᠢᠭ ᠢᠶᠠᠷ ᠵᠠᠰᠠᠭ ᠵᠠᠬᠢᠷᠭᠠᠨ ᠤ ᠵᠦᠪᠰᠢᠶᠡᠷᠡᠯ ᠢ ᠲᠤᠭᠳᠠᠭᠠᠵᠤ ᠪᠤᠯᠤᠨ᠎ᠠ᠃ ᠭᠡᠷᠡᠭᠵᠢᠬᠦᠯᠦᠭᠰᠡᠨ ᠤ ᠲᠠᠷᠠᠭ᠎ᠠ᠂ ᠲᠦᠷ ᠴᠠᠭ ᠤᠨ ᠴᠢᠨᠠᠷᠳᠠᠢ ᠵᠠᠰᠠᠭ ᠵᠠᠬᠢᠷᠭᠠᠨ ᠤ ᠵᠦᠪᠰᠢᠶᠡᠷᠡᠯ ᠤᠨ ᠵᠦᠢᠯ ᠤᠳ ᠠᠴᠠ ᠪᠤᠰᠤᠳ ᠢ ᠨᠢ ᠲᠦᠷᠦ ᠶᠢᠨ ᠶᠠᠪᠤᠳᠠᠯ ᠤᠨ ᠬᠤᠷᠢᠶ᠎ᠠ ᠴᠠᠭ ᠲᠤᠬᠠᠢ ᠳᠤᠨᠢ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠵᠢᠴᠢ ᠲᠡᠬᠦᠨ ᠤ ᠪᠠᠶᠢᠡᠭᠭᠤ ᠶᠢᠨ

        365赢多少钱会被限额_国内有真正的365平台吗_365bet博彩官网

        ᠬᠤᠷᠢᠶ᠎ᠠ ᠳᠤ ᠬᠠᠤᠯᠢ ᠴᠠᠭᠠᠵᠠ ᠲᠤᠭᠳᠠᠭᠠᠯᠭᠠᠬᠤ ᠪᠠᠷ ᠲᠡᠪᠰᠢᠬᠦᠯᠬᠦ ᠭᠡᠷᠡᠭᠳᠡᠢ᠂ ᠡᠰᠡᠬᠦᠯ᠎ᠠ ᠦᠪᠡᠰᠦᠪᠡᠨ ᠵᠠᠰᠠᠭ ᠵᠠᠬᠢᠷᠭᠠᠨ ᠤ ᠬᠠᠤᠯᠢ ᠲᠤᠭᠳᠠᠭᠠᠯ ᠲᠤᠭᠳᠠᠭᠠᠬᠤ ᠬᠡᠷᠡᠭᠲᠡᠢ᠃      ᠠᠷᠪᠠᠨ ᠲᠠᠪᠤᠳᠤᠭᠠᠷ ᠵᠦᠢᠯ   ᠲᠤᠰ ᠬᠠᠤᠯᠢ ᠶᠢᠨ ᠠᠷᠪᠠᠨ ᠬᠤᠶᠠᠳᠤᠭᠠᠷ ᠵᠦᠢᠯ ᠳᠤ ᠵᠢᠭᠰᠠᠭᠠᠭᠰᠠᠨ ᠵᠦᠢᠯ ᠤᠳ ᠲᠤ ᠬᠠᠤᠯᠢ ᠴᠠᠭᠠᠵᠠ᠂ ᠵᠠᠰᠠᠬ ᠵᠠᠬᠢᠷᠭᠠᠨ ᠤ ᠬᠠᠤᠯᠢ ᠲᠤᠭᠳᠠᠭᠠᠯ ᠲᠤᠭᠳᠠᠭᠠᠭᠠᠳᠤᠢ ᠪᠠᠶᠢᠪᠠᠯ᠂ ᠤᠷᠤᠨ ᠨᠤᠳᠤᠭ ᠤᠨ ᠴᠢᠨᠠᠷᠳᠠᠢ ᠬᠠᠤᠯᠢ ᠲᠤᠭᠳᠠᠭᠠᠯ ᠢᠶᠠᠷ ᠵᠠᠰᠠᠭ ᠵᠠᠬᠢᠷᠭᠠᠨ ᠤ ᠵᠦᠪᠰᠢᠶᠡᠷᠡᠯ ᠢ ᠲᠤᠭᠳᠠᠭᠠᠵᠤ ᠪᠤᠯᠤᠨ᠎ᠠ︔ ᠬᠠᠤᠯᠢ ᠴᠠᠭᠠᠵᠠ᠂ ᠵᠠᠰᠠᠬ ᠵᠠᠬᠢᠷᠭᠠᠨ ᠤ ᠬᠠᠤᠯᠢ ᠲᠤᠭᠳᠠᠭᠠᠯ ᠪᠠ ᠤᠷᠤᠨ ᠨᠤᠳᠤᠭ ᠤᠨ ᠴᠢᠨᠠᠷᠳᠠᠢ ᠬᠠᠤᠯᠢ ᠲᠤᠭᠳᠠᠭᠠᠯ ᠲᠤᠭᠳᠠᠭᠠᠭᠠᠳᠤᠢ ᠪᠠᠶᠢᠵᠦ᠂ ᠵᠠᠰᠠᠬ ᠵᠠᠬᠢᠷᠭᠠᠨ ᠤ ᠬᠠᠮᠢᠶᠠᠷᠤᠯᠳᠠ ᠶᠢᠨ ᠭᠡᠷᠡᠭᠴᠡᠭᠡ ᠠᠴᠠ ᠪᠤᠯᠵᠤ ᠵᠠᠰᠠᠬ ᠵᠠᠬᠢᠷᠭᠠᠨ ᠤ ᠵᠦᠪᠰᠢᠶᠡᠷᠡᠯ ᠢ ᠦᠨᠡᠨ ᠬᠦ ᠲᠠᠷᠦ᠋ᠢᠬᠠᠨ ᠬᠡᠷᠡᠭᠵᠢᠬᠦᠯᠬᠦ ᠴᠢᠬᠤᠯᠠᠳᠠᠢ ᠪᠠᠶᠢᠪᠠᠯ᠂ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠲᠦᠷᠢᠮ ᠲᠤᠭᠳᠠᠭᠠᠯ ᠢᠶᠠᠷ ᠲᠦᠷ ᠴᠠᠭ ᠤᠨ ᠴᠢᠨᠠᠷᠳᠠᠢ ᠵᠠᠰᠠᠬ ᠵᠠᠬᠢᠷᠭᠠᠨ ᠤ ᠵᠦᠪᠰᠢᠶᠡᠷᠡᠯ ᠢ ᠲᠤᠭᠳᠠᠭᠠᠵᠤ ᠪᠤᠯᠤᠨ᠎ᠠ᠃ ᠲᠦᠷ ᠴᠠᠭ ᠤᠨ ᠴᠢᠨᠠᠷᠳᠠᠢ ᠵᠠᠰᠠᠬ ᠵᠠᠬᠢᠷᠭᠠᠨ ᠤ ᠵᠦᠪᠰᠢᠶᠡᠷᠡᠯ ᠢ ᠭᠡᠷᠡᠭᠵᠢᠬᠦᠯᠦᠬᠡᠳ ᠪᠦᠬᠦᠯᠢ ᠨᠢᠬᠡ ᠵᠢᠯ ᠪᠤᠯᠤᠭᠰᠠᠨ ᠤ ᠲᠠᠷᠠᠭ᠎ᠠ ᠦᠷᠬᠦᠯᠵᠢᠯᠠᠨ ᠬᠡᠷᠡᠭᠵᠢᠬᠦᠯᠬᠦ ᠴᠢᠬᠤᠯᠠᠳᠠᠢ ᠪᠠᠶᠢᠪᠠᠯ᠂ ᠲᠤᠰ ᠱᠠᠳᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠵᠢᠴᠢ ᠲᠡᠬᠦᠨ ᠤ ᠪᠠᠶᠢᠡᠭᠭᠤ ᠶᠢᠨ ᠬᠤᠷᠢᠶ᠎ᠠ ᠳᠤ ᠤᠷᠤᠨ ᠨᠤᠳᠤᠭ ᠤᠨ ᠴᠢᠨᠠᠷᠳᠠᠢ ᠬᠠᠤᠯᠢ ᠲᠤᠭᠳᠠᠭᠠᠯ ᠲᠤᠭᠳᠠᠭᠠᠯᠭᠠᠬᠤ ᠪᠠᠷ ᠲᠡᠪᠰᠢᠬᠦᠯᠬᠦ ᠬᠡᠷᠡᠭᠳᠡᠢ᠃      ᠤᠷᠤᠨ ᠨᠤᠳᠤᠭ ᠤᠨ ᠴᠢᠨᠠᠷᠳᠠᠢ ᠬᠠᠤᠯᠢ ᠲᠤᠭᠳᠠᠭᠠᠯ ᠪᠤᠯᠤᠨ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠲᠦᠷᠢᠮ ᠲᠤᠭᠳᠠᠭᠠᠯ ᠢᠶᠠᠷ ᠠᠷᠠᠳ ᠢᠷᠭᠡᠨ᠂ ᠬᠠᠤᠯᠢ ᠶᠢᠨ ᠬᠦᠮᠦᠨ ᠪᠤᠶᠤ ᠪᠤᠰᠤᠳ ᠵᠤᠬᠢᠶᠠᠨ ᠪᠠᠶᠢᠭᠤᠯᠤᠯᠳᠠ ᠶᠢᠨ ᠬᠢᠷᠢ ᠬᠡᠮ᠂ ᠬᠢᠷᠢ ᠴᠢᠳᠠᠯ ᠤᠨ ᠲᠤᠬᠠᠢ ᠤᠯᠤᠰ ᠠᠴᠠ ᠨᠢᠬᠡᠳᠦᠯᠳᠡᠢ ᠲᠤᠭᠳᠠᠭᠠᠬᠤ ᠶᠤᠰᠤᠳᠠᠢ ᠵᠠᠰᠠᠬ ᠵᠠᠬᠢᠷᠭᠠᠨ ᠤ ᠵᠦᠪᠰᠢᠶᠡᠷᠡᠯ ᠢ ᠲᠤᠭᠳᠠᠭᠠᠵᠤ ᠪᠤᠯᠬᠤ ᠦᠬᠡᠢ︔ ᠠᠵᠤ ᠠᠬᠤᠶᠢᠯᠠᠯ ᠪᠤᠶᠤ ᠪᠤᠰᠤᠳ ᠵᠤᠬᠢᠶᠠᠨ ᠪᠠᠶᠢᠭᠤᠯᠤᠯᠳᠠ ᠶᠢ ᠪᠠᠶᠢᠭᠤᠯᠬᠤ ᠲᠠᠩᠰᠠᠯᠠᠯᠳᠠ ᠵᠢᠴᠢ ᠲᠡᠬᠦᠨ ᠤ ᠤᠭᠳᠤᠪᠤᠷᠢ ᠶᠢᠨ ᠴᠢᠨᠡᠷᠳᠡᠢ ᠵᠠᠰᠠᠬ ᠵᠠᠬᠢᠷᠭᠠᠨ ᠤ ᠵᠦᠪᠰᠢᠶᠡᠷᠡᠯ ᠢ ᠲᠤᠭᠳᠠᠭᠠᠵᠤ ᠪᠤᠯᠬᠤ ᠦᠬᠡᠢ᠃ ᠲᠤᠭᠳᠠᠭᠠᠭᠰᠠᠨ ᠵᠠᠰᠠᠬ ᠵᠠᠬᠢᠷᠭᠠᠨ ᠤ ᠵᠦᠪᠰᠢᠶᠡᠷᠡᠯ ᠨᠢ ᠪᠤᠰᠤᠳ ᠭᠠᠵᠠᠷ ᠤᠷᠤᠨ ᠤ ᠬᠤᠪᠢ ᠬᠦᠮᠦᠨ ᠪᠤᠶᠤ ᠠᠵᠤ ᠠᠬᠤᠶᠢᠯᠠᠯ ᠤᠨ ᠲᠤᠰ ᠭᠠᠵᠠᠷ ᠤᠷᠤᠨ ᠳᠤ ᠢᠷᠡᠵᠤ ᠦᠢᠯᠡᠳᠪᠤᠷᠢᠯᠡᠯ ᠡᠵᠡᠩᠨᠡᠯᠳᠡ ᠬᠢᠬᠦ ᠪᠠ ᠦᠢᠯᠡᠴᠢᠯᠡᠭᠡ ᠬᠠᠨᠭ᠍ᠭᠠᠬᠤ ᠶᠢ ᠬᠢᠵᠠᠭᠠᠷᠯᠠᠵᠤ ᠪᠤᠯᠬᠤ ᠦᠬᠡᠢ᠂ ᠪᠤᠰᠤᠳ ᠭᠠᠵᠠᠷ ᠤᠷᠤᠨ ᠤ ᠲᠠᠸᠠᠷ ᠤᠨ ᠲᠤᠰ ᠭᠠᠵᠠᠷ ᠤᠷᠤᠨ ᠤ ᠵᠠᠬ᠎ᠠ ᠲᠡᠯᠬᠡᠬᠦᠷ ᠲᠤ ᠤᠷᠤᠬᠤ ᠶᠢ ᠬᠢᠵᠠᠭᠠᠷᠯᠠᠵᠤ ᠪᠤᠯᠬᠤ ᠦᠬᠡᠢ᠃      ᠠᠷᠪᠠᠨ ᠵᠢᠷᠭᠤᠳᠤᠭᠠᠷ ᠵᠦᠢᠯ   ᠵᠠᠰᠠᠬ ᠵᠠᠬᠢᠷᠭᠠᠨ ᠤ ᠬᠠᠤᠯᠢ ᠲᠤᠭᠳᠠᠭᠠᠯ ᠨᠢ ᠬᠠᠤᠯᠢ ᠴᠠᠭᠠᠵᠠ ᠶᠢᠨ ᠲᠤᠭᠳᠠᠭᠠᠭᠰᠠᠨ ᠵᠠᠰᠠᠭ ᠵᠠᠬᠢᠷᠭᠠᠨ ᠤ ᠵᠦᠪᠰᠢᠶᠡᠷᠡᠯ ᠤᠨ ᠵᠦᠢᠯ ᠤᠳ ᠤᠨ ᠬᠡᠪᠴᠢᠶᠡᠨ ᠲᠤᠳᠤᠷ᠎ᠠ ᠲᠤᠰ ᠵᠠᠰᠠᠬ ᠵᠠᠬᠢᠷᠭᠠᠨ ᠤ ᠵᠦᠪᠰᠢᠶᠡᠷᠡᠯ ᠢ ᠭᠡᠷᠡᠭᠵᠢᠬᠦᠯᠬᠦ ᠲᠤᠬᠠᠢ ᠪᠤᠳᠠᠳᠠᠢ ᠲᠤᠭᠳᠠᠭᠠᠯ ᠭᠠᠷᠭᠠᠵᠤ ᠪᠤᠯᠤᠨ᠎ᠠ᠃      ᠤᠷᠤᠨ ᠨᠤᠳᠤᠭ ᠤᠨ ᠴᠢᠨᠠᠷᠳᠠᠢ ᠬᠠᠤᠯᠢ ᠲᠤᠭᠳᠠᠭᠠᠯ ᠨᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠤᠨ ᠲᠤᠭᠳᠠᠭᠠᠭᠰᠠᠨ ᠵᠠᠰᠠᠬ ᠵᠠᠬᠢᠷᠭᠠᠨ ᠤ ᠵᠦᠪᠰᠢᠶᠡᠷᠡᠯ ᠤᠨ ᠵᠦᠢᠯ ᠤᠳ ᠤᠨ ᠭᠡᠪᠴᠢᠶᠡᠨ ᠲᠤᠳᠤᠷ᠎ᠠ ᠲᠤᠰ ᠵᠠᠰᠠᠬ ᠵᠠᠬᠢᠷᠭᠠᠨ ᠤ ᠵᠦᠪᠰᠢᠶᠡᠷᠡᠯ ᠢ ᠬᠡᠷᠡᠭᠵᠢᠬᠦᠯᠬᠦ ᠲᠤᠬᠠᠢ ᠪᠤᠳᠠᠳᠠᠢ ᠲᠤᠭᠳᠠᠭᠠᠯ ᠭᠠᠷᠭᠠᠵᠤ ᠪᠤᠯᠤᠨ᠎ᠠ᠃      ᠲᠦᠷᠢᠮ ᠲᠤᠭᠳᠠᠭᠠᠯ ᠨᠢ ᠲᠡᠭᠡᠳᠦ ᠪᠠᠶᠢᠷᠢ ᠶᠢᠨ ᠬᠠᠤᠯᠢ ᠳᠤ ᠲᠤᠭᠳᠠᠭᠠᠭᠰᠠᠨ ᠵᠠᠰᠠᠬ ᠵᠠᠬᠢᠷᠭᠠᠨ ᠤ ᠵᠦᠪᠰᠢᠶᠡᠷᠡᠯ ᠤᠨ ᠵᠦᠢᠯ ᠤᠳ ᠤᠨ ᠭᠡᠪᠴᠢᠶᠠᠨ ᠲᠤᠳᠤᠷ᠎ᠠ ᠲᠤᠰ ᠵᠠᠰᠠᠬ ᠵᠠᠬᠢᠷᠭᠠᠨ ᠤ ᠵᠦᠪᠰᠢᠶᠡᠷᠡᠯ ᠢ ᠭᠡᠷᠡᠭᠵᠢᠬᠦᠯᠬᠦ ᠲᠤᠬᠠᠢ ᠪᠤᠳᠠᠳᠠᠢ ᠲᠤᠭᠳᠠᠭᠠᠯ ᠭᠠᠷᠭᠠᠵᠤ ᠪᠤᠯᠤᠨ᠎ᠠ᠃      ᠬᠠᠤᠯᠢ ᠲᠤᠭᠳᠠᠭᠠᠯ᠂ ᠲᠦᠷᠢᠮ ᠲᠤᠭᠳᠠᠭᠠᠯ ᠳᠠᠬᠢ ᠲᠡᠭᠡᠳᠦ ᠪᠠᠶᠢᠷᠢ ᠶᠢᠨ ᠬᠠᠤᠯᠢ ᠳᠤ ᠲᠤᠭᠳᠠᠭᠠᠭᠰᠠᠨ ᠵᠠᠰᠠᠭ ᠵᠠᠬᠢᠷᠭᠠᠨ ᠤ ᠵᠦᠪᠰᠢᠶᠡᠷᠡᠯ ᠢ ᠭᠡᠷᠡᠭᠵᠢᠬᠦᠯᠬᠦ ᠲᠤᠬᠠᠢ ᠭᠠᠷᠭᠠᠭᠰᠠᠨ ᠪᠤᠳᠠᠳᠠᠢ ᠲᠤᠭᠳᠠᠭᠠᠯ ᠨᠢ ᠵᠠᠰᠠᠬ ᠵᠠᠬᠢᠷᠭᠠᠨ ᠤ ᠵᠦᠪᠰᠢᠶᠡᠷᠡᠯ ᠢ ᠨᠠᠮᠠᠨ ᠲᠤᠭᠳᠠᠭᠠᠵᠤ ᠪᠤᠯᠬᠤ ᠦᠬᠡᠢ︔ ᠵᠠᠰᠠᠬ ᠵᠠᠬᠢᠷᠭᠠᠨ ᠤ ᠵᠦᠪᠰᠢᠶᠡᠷᠡᠯ ᠤᠨ ᠨᠦᠬᠦᠴᠡᠯ ᠤᠨ ᠲᠤᠬᠠᠢ ᠭᠠᠷᠭᠠᠭᠰᠠᠨ ᠪᠤᠳᠠᠳᠠᠢ ᠲᠤᠭᠳᠠᠭᠠᠯ ᠳᠤ ᠲᠡᠭᠡᠳᠦ ᠪᠠᠶᠢᠷᠢ ᠶᠢᠨ ᠬᠠᠤᠯᠢ ᠶᠢ ᠵᠦᠷᠢᠴᠡᠭᠰᠡᠨ ᠪᠤᠰᠤᠳ ᠨᠦᠬᠦᠴᠡᠯ ᠢ ᠨᠡᠮᠡᠨ ᠲᠤᠭᠳᠠᠭᠠᠵᠤ ᠪᠤᠯᠬᠤ ᠦᠬᠡᠢ᠃      ᠠᠷᠪᠠᠨ ᠲᠤᠯᠤᠳᠤᠭᠠᠷ ᠵᠦᠢᠯ   ᠲᠤᠰ ᠬᠠᠤᠯᠢ ᠶᠢᠨ ᠠᠷᠪᠠᠨ ᠲᠦᠷᠪᠡᠳᠦᠬᠡᠷ ᠵᠦᠢᠯ᠂ ᠠᠷᠪᠠᠨ ᠲᠠᠪᠤᠳᠤᠭᠠᠷ ᠵᠦᠢᠯ ᠳᠤ ᠲᠤᠭᠳᠠᠭᠠᠭᠰᠠᠨ ᠠᠴᠠ ᠭᠠᠳᠠᠨᠡᠬᠢ ᠪᠤᠰᠤᠳ ᠵᠢᠷᠤᠮᠵᠢᠭᠰᠠᠨ ᠴᠢᠨᠠᠷᠳᠠᠢ ᠪᠢᠴᠢᠭ ᠮᠠᠲ᠋ᠧᠷᠢᠶᠠᠯ ᠢᠶᠠᠷ ᠵᠠᠰᠠᠬ ᠵᠠᠬᠢᠷᠭᠠᠨ ᠤ ᠵᠦᠪᠰᠢᠶᠡᠷᠡᠯ ᠢ ᠲᠤᠭᠳᠠᠭᠠᠵᠤ ᠪᠦᠷ ᠪᠤᠯᠬᠤ ᠦᠬᠡᠢ᠃      ᠠᠷᠪᠠᠨ ᠨᠠᠢᠮᠠᠳᠤᠭᠠᠷ ᠵᠦᠢᠯ   ᠵᠠᠰᠠᠬ ᠵᠠᠬᠢᠷᠭᠠᠨ ᠤ ᠵᠦᠪᠰᠢᠶᠡᠷᠡᠯ ᠢ ᠲᠤᠭᠳᠠᠭᠠᠬᠤ ᠳᠤ ᠵᠠᠰᠠᠬ ᠵᠠᠬᠢᠷᠭᠠᠨ ᠤ ᠵᠦᠪᠰᠢᠶᠡᠷᠡᠯ ᠢ ᠭᠡᠷᠡᠭᠵᠢᠬᠦᠯᠬᠦ ᠪᠠᠶᠢᠭᠤᠯᠭ᠎ᠠ᠂ ᠨᠦᠬᠦᠴᠡᠯ᠂ ᠵᠢᠷᠤᠮ᠂ ᠬᠤᠭᠤᠴᠠᠭ᠎ᠠ ᠶᠢ ᠲᠤᠭᠳᠠᠭᠠᠬᠤ ᠭᠡᠷᠡᠭᠳᠡᠢ᠃      ᠠᠷᠪᠠ ᠶᠢᠰᠦᠳᠦᠬᠡᠷ ᠵᠦᠢᠯ   ᠬᠠᠤᠯᠢ ᠴᠠᠭᠠᠵᠠ ᠶᠢᠨ ᠲᠦᠰᠦᠯ᠂ ᠬᠠᠤᠯᠢ ᠲᠤᠭᠳᠠᠭᠠᠯ ᠤᠨ ᠲᠦᠰᠦᠯ ᠪᠤᠯᠤᠨ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠲᠦᠷᠢᠮ ᠲᠤᠭᠳᠠᠭᠠᠯ ᠤᠨ ᠲᠦᠰᠦᠯ ᠢ ᠲᠤᠭᠤᠷᠪᠢᠬᠤ ᠳᠠᠭᠠᠨ ᠵᠠᠰᠠᠭ ᠵᠠᠬᠢᠷᠭᠠᠨ ᠤ ᠵᠦᠪᠰᠢᠶᠡᠷᠡᠯ ᠲᠤᠭᠳᠠᠭᠠᠬᠤ ᠭᠡᠪᠡᠯ᠂ ᠲᠤᠭᠤᠷᠪᠢᠨ ᠪᠢᠴᠢᠬᠦ ᠨᠢᠭᠡᠴᠢ ᠠᠴᠠ ᠭᠡᠷᠡᠴᠢᠯᠡᠭᠡ ᠰᠤᠨᠤᠰᠬᠤ ᠬᠤᠷᠠᠯ᠂ ᠨᠤᠳᠠᠯᠠᠯᠳᠠ ᠬᠢᠬᠦ ᠬᠤᠷᠠᠯ ᠵᠡᠷᠭᠡ ᠠᠷᠭ᠎ᠠ ᠭᠡᠯᠪᠡᠷᠢ ᠶᠢ ᠠᠪᠴᠤ ᠰᠠᠨᠠᠯ ᠰᠤᠨᠤᠰᠬᠤ ᠮᠦᠷᠳᠡᠭᠡᠨ ᠲᠤᠭᠳᠠᠭᠠᠬᠤ ᠪᠠᠶᠢᠭᠤᠯᠭ᠎ᠠ ᠳᠤ ᠲᠤᠰ ᠵᠠᠰᠠᠬ ᠵᠠᠬᠢᠷᠭᠠᠨ ᠤ ᠵᠦᠪᠰᠢᠶᠡᠷᠡᠯ ᠢ ᠲᠤᠭᠳᠠᠭᠠᠬᠤ ᠶᠢᠨ ᠴᠢᠬᠤᠯᠠ ᠴᠢᠨᠡᠷ᠂ ᠠᠵᠤ ᠠᠬᠤᠢ ᠪᠠ ᠨᠡᠶᠢᠬᠡᠮ ᠳᠤ ᠦᠵᠡᠬᠦᠯᠵᠤ ᠮᠡᠳᠡᠬᠦ ᠨᠦᠯᠦᠬᠡ ᠵᠢᠴᠢ ᠰᠠᠨᠠᠯ ᠰᠤᠨᠤᠰᠤᠭᠰᠠᠨ ᠪᠠ ᠰᠠᠨᠠᠯ ᠢ ᠬᠦᠯᠢᠶᠡᠨ ᠠᠪᠤᠭᠰᠠᠨ ᠪᠠᠶᠢᠳᠠᠯ ᠢᠶᠠᠨ ᠲᠤᠳᠤᠷᠬᠠᠶᠢᠯᠠᠬᠤ ᠭᠡᠷᠡᠭᠳᠡᠢ᠃      ᠬᠤᠷᠢᠳᠤᠭᠠᠷ ᠵᠦᠢᠯ   ᠵᠠᠰᠠᠭ ᠵᠠᠬᠢᠷᠭᠠᠨ ᠤ ᠵᠦᠪᠰᠢᠶᠡᠷᠡᠯ ᠢ ᠲᠤᠭᠳᠠᠭᠠᠬᠤ ᠪᠠᠶᠢᠭᠤᠯᠭ᠎ᠠ ᠲᠤᠭᠳᠠᠭᠠᠭᠰᠠᠨ ᠵᠠᠰᠠᠬ ᠵᠠᠬᠢᠷᠭᠠᠨ ᠤ ᠵᠦᠪᠰᠢᠶᠡᠷᠡᠯ ᠳᠡᠭᠡᠨ ᠲᠤᠭᠳᠠᠮᠠᠯ ᠬᠤᠭᠤᠴᠠᠭ᠎ᠠ ᠲᠠᠢ ᠪᠠᠷ ᠦᠨᠡᠯᠡᠯᠳᠡ ᠬᠢᠬᠦ ᠭᠡᠷᠡᠭᠳᠡᠢ︔ ᠨᠢᠬᠡᠨᠳᠡ ᠲᠤᠭᠳᠠᠭᠠᠭᠰᠠᠨ ᠵᠠᠰᠠᠭ ᠵᠠᠬᠢᠷᠭᠠᠨ ᠤ ᠵᠦᠪᠰᠢᠶᠡᠷᠡᠯ ᠢ ᠲᠤᠰ ᠬᠠᠤᠯᠢ ᠶᠢᠨ ᠠᠷᠪᠠᠨ ᠭᠤᠷᠪᠠᠳᠤᠭᠠᠷ ᠵᠦᠢᠯ ᠳᠤ ᠵᠢᠭᠰᠠᠭᠠᠭᠰᠠᠨ ᠠᠷᠭ᠎ᠠ ᠮᠠᠶ᠋ᠢᠭ ᠢᠶᠠᠷ ᠰᠢᠢᠳᠪᠤᠷᠢᠯᠡᠵᠤ ᠴᠢᠳᠠᠨ᠎ᠠ ᠭᠡᠵᠤ ᠦᠵᠡᠪᠠᠯ᠂ ᠲᠤᠰ ᠵᠠᠰᠠᠬ ᠵᠠᠬᠢᠷᠭᠠᠨ ᠤ ᠵᠦᠪᠰᠢᠶᠡᠷᠡᠯ ᠢ ᠲᠤᠭᠳᠠᠭᠠᠭᠰᠠᠨ ᠲᠤᠭᠳᠠᠭᠠᠯ ᠢᠶᠠᠨ ᠴᠠᠭ ᠲᠤᠬᠠᠢ ᠳᠤᠨᠢ ᠵᠠᠰᠠᠬᠤ ᠪᠤᠶᠤ ᠬᠦᠴᠦᠨ ᠦᠬᠡᠢ ᠪᠤᠯᠭᠠᠬᠤ ᠭᠡᠷᠡᠭᠳᠡᠢ᠃      ᠵᠠᠰᠠᠬ ᠵᠠᠬᠢᠷᠭᠠᠨ ᠤ ᠵᠦᠪᠰᠢᠶᠡᠷᠡᠯ ᠢ ᠭᠡᠷᠡᠭᠵᠢᠬᠦᠯᠬᠦ ᠪᠠᠶᠢᠭᠤᠯᠭ᠎ᠠ ᠨᠢᠬᠡᠨᠳᠡ ᠲᠤᠭᠳᠠᠭᠠᠭᠰᠠᠨ ᠵᠠᠰᠠᠬ ᠵᠠᠬᠢᠷᠭᠠᠨ ᠤ ᠵᠦᠪᠰᠢᠶᠡᠷᠡᠯ ᠤᠨ ᠬᠡᠷᠡᠭᠵᠢᠬᠦᠯᠵᠤ ᠪᠠᠶᠢᠭ᠎ᠠ ᠪᠠᠶᠢᠳᠠᠯ ᠵᠢᠴᠢ ᠤᠷᠤᠰᠢᠬᠤ ᠴᠢᠬᠤᠯᠠ ᠴᠢᠨᠡᠷ ᠲᠤ ᠴᠠᠭ ᠲᠤᠨᠢ ᠲᠤᠬᠢᠷᠠᠭᠤᠯᠤᠨ ᠦᠨᠡᠯᠡᠯᠳᠡ ᠬᠢᠬᠦ ᠮᠦᠷᠳᠡᠭᠡᠨ ᠰᠠᠨᠠᠯ ᠢᠶᠠᠨ ᠲᠤᠰ ᠵᠠᠰᠠᠭ ᠵᠠᠬᠢᠷᠭᠠᠨ ᠤ ᠵᠦᠪᠰᠢᠶᠡᠷᠡᠯ ᠢ ᠲᠤᠭᠳᠠᠭᠠᠭᠰᠠᠨ ᠪᠠᠶᠢᠭᠤᠯᠭ᠎ᠠ ᠳᠤ ᠮᠡᠳᠡᠬᠦᠯᠵᠤ ᠪᠤᠯᠤᠨ᠎ᠠ᠃      ᠠᠷᠠᠳ ᠢᠷᠭᠡᠨ᠂ ᠬᠠᠤᠯᠢ ᠶᠢᠨ ᠬᠦᠮᠦᠨ ᠪᠤᠶᠤ ᠪᠤᠰᠤᠳ ᠵᠤᠬᠢᠶᠠᠨ ᠪᠠᠶᠢᠭᠤᠯᠤᠯᠳᠠ ᠵᠠᠰᠠᠬ ᠵᠠᠬᠢᠷᠭᠠᠨ ᠤ ᠵᠦᠪᠰᠢᠶᠡᠷᠡᠯ ᠢ ᠲᠤᠭᠳᠠᠭᠠᠬᠤ ᠪᠠᠶᠢᠭᠤᠯᠭ᠎ᠠ ᠪᠠ ᠬᠡᠷᠡᠭᠵᠢᠬᠦᠯᠬᠦ ᠪᠠᠶᠢᠭᠤᠯᠭ᠎ᠠ ᠳᠤ ᠵᠠᠰᠠᠬ ᠵᠠᠬᠢᠷᠭᠠᠨ ᠤ ᠵᠦᠪᠰᠢᠶᠡᠷᠡᠯ ᠢ ᠲᠤᠭᠳᠠᠭᠠᠬᠤ ᠪᠠ ᠭᠡᠷᠡᠭᠵᠢᠬᠦᠯᠬᠦ ᠲᠤᠬᠠᠢ ᠰᠠᠨᠠᠯ ᠪᠠ ᠰᠠᠨᠠᠭᠤᠯᠭ᠎ᠠ ᠲᠤᠷᠠᠳᠴᠤ ᠪᠤᠯᠤᠨ᠎ᠠ᠃      ᠬᠤᠷᠢᠨ ᠨᠢᠬᠡᠳᠦᠬᠡᠷ ᠵᠦᠢᠯ   ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠵᠠᠰᠠᠭ ᠵᠠᠬᠢᠷᠭᠠᠨ ᠤ ᠬᠠᠤᠯᠢ ᠲᠤᠭᠳᠠᠭᠠᠯ ᠢᠶᠠᠷ ᠲᠤᠭᠳᠠᠭᠠᠭᠰᠠᠨ ᠠᠵᠤ ᠠᠬᠤᠢ ᠶᠢᠨ ᠭᠡᠷᠡᠭ ᠶᠠᠪᠤᠳᠠᠯ ᠳᠤ ᠬᠤᠯᠪᠤᠭᠳᠠᠬᠤ ᠵᠠᠰᠠᠬ ᠵᠠᠬᠢᠷᠭᠠᠨ ᠤ ᠵᠦᠪᠰᠢᠶᠡᠷᠡᠯ ᠢ ᠲᠤᠰ ᠵᠠᠰᠠᠬ ᠵᠠᠬᠢᠷᠭᠠᠨ ᠤ ᠤᠷᠤᠨ ᠤ ᠪᠠᠨ ᠠᠵᠤ ᠠᠬᠤᠢ ᠪᠤᠯᠤᠨ ᠨᠡᠶᠢᠭᠡᠮ ᠤᠨ ᠬᠦᠭᠵᠢᠯᠳᠡ ᠶᠢᠨ ᠪᠠᠶᠢᠳᠠᠯ ᠢ ᠦᠨᠳᠦᠰᠦᠯᠡᠵᠤ᠂ ᠲᠤᠰ ᠬᠠᠤᠯᠢ ᠶᠢᠨ ᠠᠷᠪᠠᠨ ᠭᠤᠷᠪᠠᠳᠤᠭᠠᠷ ᠵᠦᠢᠯ ᠳᠤ ᠵᠢᠭᠰᠠᠭᠠᠭᠰᠠᠨ ᠠᠷᠭ᠎ᠠ ᠮᠠᠶ᠋ᠢᠭ ᠢᠶᠠᠷ ᠰᠢᠢᠳᠪᠤᠷᠢᠯᠠᠵᠤ ᠴᠢᠳᠠᠨ᠎ᠠ ᠬᠡᠵᠤ ᠦᠵᠡᠪᠠᠯ᠂ ᠲᠦᠷᠦ ᠶᠢᠨ ᠶᠠᠪᠤᠳᠠᠯ ᠤᠨ ᠬᠤᠷᠢᠶ᠎ᠠ ᠳᠤ ᠮᠡᠳᠡᠬᠦᠯᠦᠨ ᠵᠦᠪᠰᠢᠶᠡᠷᠡᠬᠦᠯᠦᠭᠰᠡᠨ ᠤ ᠲᠠᠷᠠᠭ᠎ᠠ᠂ ᠲᠤᠰ ᠵᠠᠰᠠᠬ ᠵᠠᠬᠢᠷᠭᠠᠨ ᠤ ᠤᠷᠤᠨ ᠤ ᠲᠤᠳᠤᠷ᠎ᠠ ᠲᠤᠰ ᠵᠠᠰᠠᠭ ᠵᠠᠬᠢᠷᠭᠠᠨ ᠤ ᠵᠦᠪᠰᠢᠶᠡᠷᠡᠯ ᠢ ᠭᠡᠷᠡᠭᠵᠢᠬᠦᠯᠬᠦ ᠪᠠᠨ ᠵᠤᠭᠰᠤᠭᠠᠵᠤ ᠪᠤᠯᠤᠨ᠎ᠠ᠃      ᠭᠤᠷᠪᠠᠳᠤᠭᠠᠷ ᠪᠦᠯᠦᠭ    ᠵᠠᠰᠠᠭ ᠵᠠᠬᠢᠷᠭᠠᠨ ᠤ ᠵᠦᠪᠰᠢᠶᠡᠷᠡᠯ ᠢ ᠭᠡᠷᠡᠭᠵᠢᠬᠦᠯᠬᠦ ᠪᠠᠶᠢᠭᠤᠯᠭ᠎ᠠ      ᠬᠤᠷᠢᠨ ᠬᠤᠶᠠᠳᠤᠭᠠᠷ ᠵᠦᠢᠯ   ᠵᠠᠰᠠᠬ ᠵᠠᠬᠢᠷᠭᠠᠨ ᠤ ᠵᠦᠪᠰᠢᠶᠡᠷᠡᠯ ᠢ ᠵᠠᠰᠠᠬ ᠵᠠᠬᠢᠷᠭᠠᠨ ᠤ ᠵᠦᠪᠰᠢᠶᠡᠷᠡᠯ ᠤᠨ ᠡᠷᠭᠡ ᠲᠠᠢ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠬᠠᠤᠯᠢ ᠳᠤ ᠲᠤᠭᠳᠠᠭᠠᠭᠰᠠᠨ ᠡᠷᠭᠡ ᠲᠤᠰᠢᠶᠠᠯ ᠤᠨ ᠢᠶᠠᠨ ᠭᠡᠪᠴᠢᠶᠠᠨ ᠲᠤᠳᠤᠷ᠎ᠠ ᠭᠡᠷᠡᠭᠵᠢᠬᠦᠯᠦᠨ᠎ᠠ᠃      ᠬᠤᠷᠢᠨ ᠭᠤᠷᠪᠠᠳᠤᠭᠠᠷ ᠵᠦᠢᠯ   ᠬᠠᠤᠯᠢ ᠴᠠᠭᠠᠵᠠ᠂ ᠬᠠᠤᠯᠢ ᠲᠤᠭᠳᠠᠭᠠᠯ ᠠᠴᠠ ᠡᠷᠭᠡ ᠤᠯᠭᠤᠭᠰᠠᠨ ᠤᠯᠠᠨ ᠨᠡᠶᠢᠳᠡ ᠶᠢᠨ ᠭᠡᠷᠡᠭ ᠶᠠᠪᠤᠳᠠᠯ ᠢ ᠬᠠᠮᠢᠶᠠᠷᠬᠤ ᠡᠬᠦᠷᠭᠡ ᠲᠤᠰᠢᠶᠠᠯ ᠪᠦᠬᠦᠢ ᠵᠤᠬᠢᠶᠠᠨ ᠪᠠᠶᠢᠭᠤᠯᠤᠯᠳᠠ ᠬᠠᠤᠯᠢ ᠳᠤ ᠲᠤᠭᠳᠠᠭᠠᠭᠰᠠᠨ ᠡᠷᠭᠡ ᠶᠢᠨ ᠭᠡᠪᠴᠢᠶᠠᠨ ᠲᠤᠳᠤᠷ᠎ᠠ ᠦᠪᠡᠷ ᠤᠨ ᠢᠶᠠᠨ ᠨᠡᠷ᠎ᠠ ᠪᠠᠷ ᠵᠠᠰᠠᠭ ᠵᠠᠬᠢᠷᠭᠠᠨ ᠤ ᠵᠦᠪᠰᠢᠶᠡᠷᠡᠯ ᠢ ᠬᠡᠷᠡᠭᠵᠢᠬᠦᠯᠦᠨ᠎ᠠ᠃ ᠡᠷᠭᠡ ᠤᠯᠤᠭᠰᠠᠨ ᠵᠤᠬᠢᠶᠠᠨ ᠪᠠᠶᠢᠭᠤᠯᠤᠯᠳᠠ ᠳᠤ ᠲᠤᠰ ᠬᠠᠤᠯᠢ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠳᠤ ᠬᠤᠯᠪᠤᠭᠳᠠᠬᠤ ᠲᠤᠭᠳᠠᠭᠠᠯ ᠢ ᠬᠡᠷᠡᠭᠯᠡᠨ᠎ᠠ᠃      ᠬᠤᠷᠢᠨ ᠲᠦᠷᠪᠡᠳᠦᠬᠡᠷ ᠵᠦᠢᠯ   ᠵᠠᠰᠠᠭ ᠵᠠᠬᠢᠷᠭᠠᠨ ᠤ ᠪᠠᠶᠢᠭᠤᠯᠭ᠎ᠠ ᠬᠠᠤᠯᠢ ᠳᠤ ᠲᠤᠭᠳᠠᠭᠠᠭᠰᠠᠨ ᠡᠷᠭᠡ ᠲᠤᠰᠢᠶᠠᠯ ᠤᠨ ᠢᠶᠠᠨ ᠬᠡᠪᠴᠢᠶᠠᠨ ᠳᠤ ᠬᠠᠤᠯᠢ ᠴᠠᠭᠠᠵᠠ᠂ ᠬᠠᠤᠯᠢ ᠲᠤᠭᠳᠠᠭᠠᠯ᠂ ᠲᠦᠷᠢᠮ ᠲᠤᠭᠳᠠᠭᠠᠯ ᠤᠨ ᠲᠤᠭᠳᠠᠭᠠᠯ ᠢ ᠦᠨᠳᠦᠰᠦᠯᠡᠨ᠂ ᠪᠤᠰᠤᠳ ᠵᠠᠰᠠᠬ ᠵᠠᠬᠢᠷᠭᠠᠨ ᠤ ᠪᠠᠶᠢᠭᠤᠯᠭ᠎ᠠ ᠳᠤ ᠨᠡᠶᠢᠳᠡᠵᠤ ᠵᠠᠰᠠᠬ ᠵᠠᠬᠢᠷᠭᠠᠨ ᠤ ᠵᠦᠪᠰᠢᠶᠡᠷᠡᠯ ᠢ ᠬᠡᠷᠡᠭᠵᠢᠬᠦᠯᠦᠬᠦᠯᠵᠤ ᠪᠤᠯᠤᠨ᠎ᠠ᠃ ᠨᠡᠶᠢᠳᠠᠬᠴᠢ ᠪᠠᠶᠢᠭᠤᠯᠭ᠎ᠠ ᠨᠠᠶᠢᠳᠠᠯᠭ᠎ᠠ ᠬᠦᠯᠢᠶᠡᠭᠴᠢ ᠵᠠᠰᠠᠭ ᠵᠠᠬᠢᠷᠭᠠᠨ ᠤ ᠪᠠᠶᠢᠭᠤᠯᠭ᠎ᠠ ᠪᠠ ᠨᠠᠶᠢᠳᠠᠯᠭ᠎ᠠ ᠪᠠᠷ ᠭᠡᠷᠡᠭᠵᠢᠬᠦᠯᠬᠦ ᠵᠠᠰᠠᠭ ᠵᠠᠬᠢᠷᠭᠠᠨ ᠤ ᠵᠦᠪᠰᠢᠶᠠᠷᠡᠯ ᠤᠨ ᠠᠭᠤᠯᠭ᠎ᠠ ᠶᠢ ᠵᠠᠷᠯᠠᠨ ᠨᠡᠶᠢᠳᠡᠯᠡᠬᠦ ᠭᠡᠷᠡᠭᠳᠡᠢ᠃      ᠨᠠᠶᠢᠳᠠᠭᠴᠢ ᠵᠠᠰᠠᠬ ᠵᠠᠬᠢᠷᠭᠠᠨ ᠤ ᠪᠠᠶᠢᠭᠤᠯᠭ᠎ᠠ ᠨᠠᠶᠢᠳᠠᠯᠭ᠎ᠠ ᠬᠦᠯᠢᠶᠡᠭᠴᠢ ᠵᠠᠰᠠᠬ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠵᠦᠪᠰᠢᠶᠡᠷᠡᠯ ᠢ ᠬᠡᠷᠡᠭᠵᠢᠬᠦᠯᠬᠦ ᠠᠵᠢᠯᠯᠠᠭ᠎ᠠ ᠳᠤ ᠬᠠᠷᠢᠭᠤᠴᠠᠨ ᠬᠢᠨᠡᠯᠳᠡ ᠲᠠᠯᠪᠢᠬᠤ ᠮᠦᠷᠳᠡᠭᠡᠨ ᠲᠤᠰ ᠠᠵᠢᠯᠯᠠᠭ᠎ᠠ ᠶᠢᠨ ᠦᠷ᠎ᠠ ᠳ᠋ᠦᠩ ᠳᠤ ᠬᠠᠤᠯᠢ ᠶᠢᠨ ᠬᠠᠷᠢᠭᠤᠴᠠᠯᠭ᠎ᠠ ᠡᠬᠦᠷᠭᠡᠯᠡᠬᠦ ᠬᠡᠷᠡᠭᠳᠡᠢ᠃      ᠨᠠᠶᠢᠳᠠᠯᠭ᠎ᠠ ᠬᠦᠯᠢᠶᠡᠭᠴᠢ ᠵᠠᠰᠠᠭ ᠵᠠᠬᠢᠷᠭᠠᠨ ᠤ ᠪᠠᠶᠢᠭᠤᠯᠭ᠎ᠠ ᠨᠡᠶᠢᠳᠡᠯᠭ᠎ᠠ ᠶᠢᠨ ᠬᠡᠪᠴᠢᠶᠠᠨ ᠳᠤ ᠨᠠᠶᠢᠳᠠᠭᠴᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠨᠡᠷ᠎ᠠ ᠪᠠᠷ ᠵᠠᠰᠠᠭ ᠵᠠᠬᠢᠷᠭᠠᠨ ᠤ ᠵᠦᠪᠰᠢᠶᠡᠷᠡᠯ ᠢ ᠬᠡᠷᠡᠭᠵᠢᠬᠦᠯᠦᠨ᠎ᠠ︔ ᠲᠠᠬᠢᠭᠠᠳ ᠪᠤᠰᠤᠳ ᠵᠤᠬᠢᠶᠠᠨ ᠪᠠᠶᠢᠭᠤᠯᠤᠯᠳᠠ ᠪᠤᠶᠤ ᠬᠤᠪᠢ ᠬᠦᠮᠦᠨ ᠳᠤ ᠨᠡᠶᠢᠳᠡᠵᠤ ᠵᠠᠰᠠᠬ ᠵᠠᠬᠢᠷᠭᠠᠨ ᠤ ᠵᠦᠪᠰᠢᠶᠡᠷᠡᠯ ᠢ ᠬᠡᠷᠡᠭᠵᠢᠬᠦᠯᠦᠬᠦᠯᠵᠤ ᠪᠤᠯᠬᠤ ᠦᠬᠡᠢ᠃      ᠬᠤᠷᠢᠨ ᠲᠠᠪᠤᠳᠤᠭᠠᠷ ᠵᠦᠢᠯ   ᠲᠦᠷᠦ ᠶᠢᠨ ᠶᠠᠪᠤᠳᠠᠯ ᠤᠨ ᠬᠤᠷᠢᠶ᠎ᠠ ᠪᠠᠷ ᠵᠦᠪᠰᠢᠶᠡᠷᠡᠬᠦᠯᠦᠬᠡᠳ᠂ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠴᠤᠮᠬᠠᠳᠬᠠᠬᠤ᠂ ᠨᠢᠬᠡᠳᠭᠡᠬᠦ᠂ ᠬᠦᠴᠦᠨ ᠴᠢᠳᠠᠪᠤᠷᠢ ᠲᠠᠢ ᠪᠠᠶᠢᠯᠭᠠᠬᠤ ᠵᠡᠷᠴᠢᠮ ᠢ ᠦᠨᠳᠦᠰᠦᠯᠡᠨ᠂ ᠨᠢᠬᠡᠨ ᠵᠠᠰᠠᠭ ᠵᠠᠬᠢᠷᠭᠠᠨ ᠤ ᠪᠠᠶᠢᠭᠤᠯᠭ᠎ᠠ ᠪᠠᠷ ᠬᠤᠯᠪᠤᠭᠳᠠᠯ ᠪᠦᠬᠦᠢ ᠵᠠᠰᠠᠬ ᠵᠠᠬᠢᠷᠭᠠᠨ ᠤ ᠪᠠᠶᠢᠭᠤᠯᠭ᠎ᠠ ᠶᠢᠨ ᠵᠠᠰᠠᠬ ᠵᠠᠬᠢᠷᠭᠠᠨ ᠤ ᠵᠦᠪᠰᠢᠶᠡᠷᠡᠯ ᠤᠨ ᠡᠷᠭᠡ ᠶᠢ ᠬᠡᠷᠡᠭᠵᠢᠬᠦᠯᠦᠬᠦᠯᠬᠦ ᠪᠠᠷ ᠲᠤᠭᠳᠠᠭᠠᠵᠤ ᠪᠤᠯᠤᠨ᠎ᠠ᠃      ᠬᠤᠷᠢᠨ ᠵᠢᠷᠭᠤᠳᠤᠭᠠᠷ ᠵᠦᠢᠯ   ᠵᠠᠰᠠᠭ ᠵᠠᠬᠢᠷᠭᠠᠨ ᠤ ᠵᠦᠪᠰᠢᠶᠡᠷᠡᠯ ᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠤᠳᠤᠷᠠᠬᠢ ᠤᠯᠠᠨ ᠪᠠᠶᠢᠭᠤᠯᠤᠮᠵᠢ ᠡᠷᠬᠢᠯᠡᠨ ᠰᠢᠢᠳᠪᠤᠷᠢᠯᠡᠬᠦ ᠴᠢᠬᠤᠯᠠᠳᠠᠢ ᠪᠠᠶᠢᠪᠠᠯ᠂ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠨᠢ ᠨᠢᠬᠡᠨ ᠪᠠᠶᠢᠭᠤᠯᠤᠮᠵᠢ ᠶᠢ ᠵᠠᠰᠠᠭ ᠵᠠᠬᠢᠷᠭᠠᠨ ᠤ ᠵᠦᠪᠰᠢᠶᠡᠷᠡᠯ ᠤᠨ ᠭᠤᠶᠤᠴᠢᠯᠠᠯ ᠢ ᠨᠢᠬᠡᠳᠦᠯᠳᠡᠢ ᠬᠦᠯᠢᠶᠡᠨ ᠠᠪᠴᠤ ᠰᠢᠢᠳᠪᠤᠷᠢᠯᠡᠬᠦᠯᠵᠤ᠂ ᠵᠠᠰᠠᠭ ᠵᠠᠬᠢᠷᠭᠠᠨ ᠤ ᠵᠦᠪᠰᠢᠶᠡᠷᠡᠯ ᠤᠨ ᠲᠤᠭᠳᠠᠭᠠᠯ ᠢ ᠨᠢᠬᠡᠳᠦᠯᠳᠡᠢ ᠬᠦᠷᠭᠡᠬᠦᠯᠬᠦ ᠪᠠᠷ ᠲᠤᠭᠳᠠᠭᠠᠬᠤ ᠭᠡᠷᠡᠭᠳᠡᠢ᠃      ᠵᠠᠰᠠᠭ ᠵᠠᠬᠢᠷᠭᠠᠨ ᠤ ᠵᠦᠪᠰᠢᠶᠡᠷᠡᠯ ᠢ ᠬᠠᠤᠯᠢ ᠶᠤᠰᠤᠭᠠᠷ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠬᠤᠶᠠᠷ ᠠᠴᠠ ᠲᠡᠭᠡᠭᠰᠢᠬᠢ ᠰᠠᠯᠠᠭ᠎ᠠ ᠮᠦᠴᠢᠷ ᠲᠤᠰᠪᠤᠷᠢ ᠭᠡᠷᠡᠭᠵᠢᠬᠦᠯᠵᠤ ᠪᠠᠶᠢᠪᠠᠯ᠂ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠨᠢᠬᠡᠨ ᠰᠠᠯᠠᠭ᠎ᠠ ᠮᠦᠴᠢᠷ ᠢᠶᠠᠷ ᠵᠠᠰᠠᠭ ᠵᠠᠬᠢᠷᠭᠠᠨ ᠤ ᠵᠦᠪᠰᠢᠶᠡᠷᠡᠯ ᠤᠨ ᠭᠤᠶᠤᠴᠢᠯᠠᠯ ᠢ ᠬᠦᠯᠢᠶᠡᠨ ᠠᠪᠴᠤ ᠰᠢᠢᠳᠪᠤᠷᠢᠯᠡᠬᠦᠯᠬᠦ ᠮᠦᠷᠳᠡᠭᠡᠨ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠲᠠᠮᠵᠢᠭᠤᠯᠤᠨ ᠮᠡᠳᠡᠬᠦᠯᠵᠤ ᠲᠤᠰᠪᠤᠷᠢ ᠰᠠᠨᠠᠯ ᠭᠠᠷᠭᠠᠭᠤᠯᠤᠭᠰᠠᠨ ᠤ ᠲᠠᠷᠠᠭ᠎ᠠ ᠨᠢᠬᠡᠳᠦᠯᠳᠡᠢ ᠰᠢᠢᠳᠪᠤᠷᠢᠯᠡᠬᠦᠯᠬᠦ ᠪᠤᠶᠤ ᠬᠤᠯᠪᠤᠭᠳᠠᠯ ᠪᠦᠬᠦᠢ ᠰᠠᠯᠠᠭ᠎ᠠ ᠮᠦᠴᠢᠷ ᠢ ᠵᠤᠬᠢᠶᠠᠨ ᠪᠠᠶᠢᠭᠤᠯᠵᠤ ᠬᠠᠮᠳᠤᠷᠠᠨ ᠰᠢᠢᠳᠪᠤᠷᠢᠯᠡᠬᠦᠯᠬᠦ ᠪᠡ ᠲᠦᠪᠯᠡᠷᠡᠬᠦᠯᠦᠨ ᠰᠢᠢᠳᠪᠤᠷᠢᠯᠡᠬᠦᠯᠬᠦ ᠪᠠᠷ ᠲᠤᠭᠳᠠᠭᠠᠵᠤ ᠪᠤᠯᠤᠨ᠎ᠠ᠃      ᠬᠤᠷᠢᠨ ᠲᠤᠯᠤᠳᠤᠭᠠᠷ ᠵᠦᠢᠯ   ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠵᠠᠬᠢᠷᠭᠠᠨ ᠤ ᠵᠦᠪᠰᠢᠶᠡᠷᠡᠯ ᠢ ᠬᠡᠷᠡᠭᠵᠢᠬᠦᠯᠬᠦ ᠳᠡᠭᠡᠨ ᠭᠤᠶᠤᠴᠢᠯᠠᠭᠴᠢ ᠳᠤ ᠲᠤᠭᠳᠠᠭᠠᠭᠰᠠᠨ ᠲᠠᠸᠠᠷ ᠢ ᠬᠤᠳᠠᠯᠳᠤᠨ ᠠᠪᠤᠭᠤᠯᠬᠤ᠂ ᠲᠦᠯᠦᠪᠦᠷᠢᠳᠤ ᠦᠢᠯᠡᠴᠢᠯᠡᠭᠡ ᠬᠦᠯᠢᠶᠡᠯᠬᠡᠬᠦ ᠵᠡᠷᠭᠡ ᠵᠦᠢ ᠵᠤᠬᠢᠰ ᠦᠬᠡᠢ ᠱᠠᠭᠠᠷᠳᠠᠯᠭ᠎ᠠ ᠶᠢ ᠲᠤᠷᠠᠳᠴᠤ ᠪᠤᠯᠬᠤ ᠦᠬᠡᠢ᠃      ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠵᠢᠯᠳᠠᠨ ᠵᠠᠰᠠᠭ ᠵᠠᠬᠢᠷᠭᠠᠨ ᠤ ᠵᠦᠪᠰᠢᠶᠡᠷᠡᠯ ᠢ ᠡᠷᠬᠢᠯᠡᠨ ᠰᠢᠢᠳᠪᠤᠷᠢᠯᠡᠬᠦ ᠳᠡᠭᠡᠨ ᠭᠤᠶᠤᠴᠢᠯᠠᠭᠴᠢ ᠶᠢᠨ ᠵᠤᠭᠤᠰ ᠮᠦᠡᠭᠬᠦ ᠡᠳ᠋ ᠪᠤᠳᠠᠰ ᠢ ᠨᠡᠭᠡᠵᠤ ᠠᠪᠬᠤ ᠪᠤᠶᠤ ᠬᠦᠯᠢᠶᠡᠨ ᠠᠪᠴᠤ ᠪᠤᠯᠬᠤ ᠦᠬᠡᠢ᠂ ᠪᠤᠰᠤᠳ ᠠᠰᠢᠭ ᠲᠤᠰᠠ ᠤᠯᠵᠤ ᠪᠤᠯᠬᠤ ᠦᠬᠡᠢ᠃      ᠬᠤᠷᠢᠨ ᠨᠠᠢᠮᠠᠳᠤᠭᠠᠷ ᠵᠦᠢᠯ   ᠤᠯᠠᠨ ᠨᠡᠶᠢᠳᠡ ᠶᠢᠨ ᠠᠮᠤᠷ ᠲᠦᠪᠰᠢᠨ᠂ ᠬᠦᠮᠦᠨ ᠤ ᠪᠡᠶ᠎ᠠ ᠶᠢᠨ ᠡᠷᠡᠬᠦᠯ ᠮᠡᠨᠳᠦ᠂ ᠠᠮᠢ ᠨᠠᠰᠤ ᠡᠳ᠋ ᠬᠦᠷᠦᠩᠬᠡ ᠶᠢᠨ ᠠᠮᠤᠷ ᠲᠦᠪᠰᠢᠨ ᠳᠤ ᠰᠢᠭᠤᠳ ᠬᠤᠯᠪᠤᠭᠳᠠᠬᠤ ᠲᠤᠨᠤᠭ ᠲᠦᠬᠦᠬᠡᠷᠦᠮᠵᠢ᠂ ᠪᠡᠯᠡᠳᠭᠡᠮᠵᠢ᠂ ᠦᠢᠯᠡᠳᠬᠦᠨ᠂ ᠡᠳ᠋ ᠪᠠᠷᠠᠭ᠎ᠠ ᠶᠢ ᠰᠢᠯᠭᠠᠨ ᠪᠠᠶᠢᠴᠠᠭᠠᠬᠤ᠂ ᠪᠠᠶᠢᠴᠠᠭᠠᠨ ᠭᠡᠮᠵᠢᠬᠦ᠂ ᠬᠢᠵᠢᠭ ᠢ ᠪᠠᠶᠢᠴᠠᠭᠠᠬᠤ ᠠᠵᠢᠯ ᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠳᠤ ᠵᠠᠰᠠᠭ ᠵᠠᠬᠢᠷᠭᠠᠨ ᠤ ᠪᠠᠶᠢᠭᠤᠯᠭ᠎ᠠ ᠪᠠᠷ ᠭᠡᠷᠡᠭᠵᠢᠬᠦᠯᠦᠬᠦᠯᠬᠦ ᠪᠠᠷ ᠲᠤᠭᠳᠠᠭᠠᠭᠰᠠᠨ ᠠᠴᠠ ᠪᠤᠰᠤᠳ ᠢ ᠨᠢ ᠠᠯᠬᠤᠮ ᠠᠯᠬᠤᠮ ᠢᠶᠠᠷ ᠬᠠᠤᠯᠢ ᠳᠤ ᠲᠤᠭᠳᠠᠭᠠᠭᠰᠠᠨ ᠨᠦᠬᠦᠴᠡᠯ ᠳᠤ ᠨᠡᠶᠢᠴᠡᠬᠦ ᠲᠤᠰᠬᠠᠢ ᠮᠡᠷᠭᠡᠵᠢᠯ ᠤᠨ ᠵᠤᠬᠢᠶᠠᠨ ᠪᠠᠶᠢᠭᠤᠯᠤᠯᠳᠠ ᠪᠠᠷ ᠭᠡᠷᠡᠭᠵᠢᠬᠦᠯᠦᠬᠦᠯᠬᠦ ᠪᠤᠯᠭᠠᠬᠤ ᠭᠡᠷᠡᠭᠳᠡᠢ᠃ ᠲᠤᠰᠬᠠᠢ ᠮᠡᠷᠭᠡᠵᠢᠯ ᠤᠨ ᠵᠤᠬᠢᠶᠠᠨ ᠪᠠᠶᠢᠭᠤᠯᠤᠯᠳᠠ ᠵᠢᠴᠢ ᠲᠡᠬᠦᠨ ᠤ ᠬᠤᠯᠪᠤᠭᠲᠠᠯ ᠪᠦᠬᠦᠢ ᠠᠵᠢᠯᠳᠠᠨ ᠭᠡᠷᠡᠭᠵᠢᠬᠦᠯᠵᠤ ᠪᠠᠶᠢᠭ᠎ᠠ ᠰᠢᠯᠭᠠᠨ ᠪᠠᠶᠢᠴᠠᠭᠠᠯᠳᠠ᠂ ᠪᠠᠶᠢᠴᠠᠭᠠᠨ ᠭᠡᠮᠵᠢᠯᠳᠡ᠂ ᠬᠢᠵᠢᠭ ᠤᠨ ᠪᠠᠶᠢᠴᠠᠭᠠᠯᠳᠠ ᠶᠢᠨ ᠢᠶᠠᠨ ᠳ᠋ᠦᠡᠭᠨᠡᠯᠳᠡ ᠳᠤ ᠬᠠᠤᠯᠢ ᠶᠢᠨ ᠬᠠᠷᠢᠭᠤᠴᠠᠯᠭ᠎ᠠ ᠡᠬᠦᠷᠭᠡᠯᠡᠬᠦ ᠭᠡᠷᠡᠭᠳᠡᠢ᠃      ᠲᠦᠷᠪᠡᠳᠦᠬᠡᠷ ᠪᠦᠯᠦᠭ   ᠵᠠᠰᠠᠭ ᠵᠠᠬᠢᠷᠭᠠᠨ ᠤ ᠵᠦᠪᠰᠢᠶᠡᠷᠡᠯ ᠢ ᠭᠡᠷᠡᠭᠵᠢᠬᠦᠯᠬᠦ ᠵᠢᠷᠤᠮ      ᠨᠢᠬᠡᠳᠦᠬᠡᠷ ᠬᠡᠰᠡᠭ   ᠭᠤᠶᠤᠴᠢᠯᠠᠬᠤ ᠪᠡ ᠬᠦᠯᠢᠶᠡᠨ ᠠᠪᠴᠤ ᠰᠢᠢᠳᠪᠤᠷᠢᠯᠡᠬᠦ      ᠬᠤᠷᠢ ᠶᠢᠰᠦᠳᠦᠬᠡᠷ ᠵᠦᠢᠯ   ᠠᠷᠠᠳ ᠢᠷᠭᠡᠨ᠂ ᠬᠠᠤᠯᠢ ᠶᠢᠨ ᠬᠦᠮᠦᠨ ᠪᠤᠶᠤ ᠪᠤᠰᠤᠳ ᠵᠤᠬᠢᠶᠠᠨ ᠪᠠᠶᠢᠭᠤᠯᠤᠯᠳᠠ ᠲᠤᠰᠬᠠᠢ ᠲᠤᠭᠳᠠᠭᠠᠭᠰᠠᠨ ᠠᠵᠢᠯᠯᠠᠭ᠎ᠠ ᠶᠢ ᠬᠢᠬᠦ ᠳᠤ ᠬᠠᠤᠯᠢ ᠶᠤᠰᠤᠭᠠᠷ ᠵᠠᠰᠠᠬ ᠵᠠᠬᠢᠷᠭᠠᠨ ᠤ ᠵᠦᠪᠰᠢᠶᠡᠷᠡᠯ ᠠᠪᠬᠤ ᠴᠢᠬᠤᠯᠠᠳᠠᠢ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠳᠤ ᠭᠤᠶᠤᠴᠢᠯᠠᠯ ᠭᠠᠷᠭᠠᠬᠤ ᠭᠡᠷᠡᠭᠳᠡᠢ᠃ ᠭᠤᠶᠤᠴᠢᠯᠠᠬᠤ ᠪᠢᠴᠢᠭ ᠨᠢ ᠬᠡᠯᠪᠡᠷᠢᠵᠢᠭᠰᠡᠨ ᠪᠢᠴᠢᠭ ᠮᠠᠲ᠋ᠧᠷᠢᠶᠠᠯ ᠢ ᠭᠡᠷᠡᠭᠯᠡᠬᠦ ᠴᠢᠬᠤᠯᠠᠳᠠᠢ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠭᠤᠶᠤᠴᠢᠯᠠᠭᠴᠢ ᠳᠤ ᠵᠠᠰᠠᠭ ᠵᠠᠬᠢᠷᠭᠠᠨ ᠤ ᠵᠦᠪᠰᠢᠶᠡᠷᠡᠯ ᠭᠤᠶᠤᠴᠢᠯᠠᠬᠤ ᠬᠡᠯᠪᠡᠷᠢᠵᠢᠭᠰᠡᠨ ᠪᠢᠴᠢᠭ ᠮᠠᠲ᠋ᠧᠷᠢᠶᠠᠯ ᠢ ᠬᠠᠨᠭ᠍ᠭᠠᠬᠤ ᠭᠡᠷᠡᠭᠳᠡᠢ᠃ ᠭᠤᠶᠤᠴᠢᠯᠠᠬᠤ ᠪᠢᠴᠢᠭ ᠤᠨ ᠬᠡᠯᠪᠡᠷᠢᠵᠢᠭᠰᠡᠨ ᠪᠢᠴᠢᠭ ᠮᠠᠲ᠋ᠧᠷᠢᠶᠠᠯ ᠳᠤ ᠭᠤᠶᠤᠴᠢᠯᠠᠬᠤ ᠵᠠᠰᠠᠬ ᠵᠠᠬᠢᠷᠭᠠᠨ ᠤ ᠵᠦᠪᠰᠢᠶᠡᠷᠡᠯ ᠤᠨ ᠵᠦᠢᠯ ᠤᠳ ᠲᠠᠢ ᠰᠢᠭᠤᠳ ᠬᠤᠯᠪᠤᠭᠲᠠᠯ ᠦᠬᠡᠢ ᠠᠭᠤᠯᠭ᠎ᠠ ᠶᠢ ᠪᠠᠭᠳᠠᠭᠠᠵᠤ ᠪᠤᠯᠬᠤ ᠦᠬᠡᠢ᠃      ᠭᠤᠶᠤᠴᠢᠯᠠᠭᠴᠢ ᠨᠢ ᠤᠷᠤᠯᠠᠭᠴᠢ ᠳᠤ ᠨᠠᠶᠢᠳᠠᠵᠤ ᠵᠠᠰᠠᠭ ᠵᠠᠬᠢᠷᠭᠠᠨ ᠤ ᠵᠦᠪᠰᠢᠶᠡᠷᠡᠯ ᠠᠪᠬᠤ ᠭᠤᠶᠤᠴᠢᠯᠠᠯ ᠭᠠᠷᠭᠠᠵᠤ ᠪᠤᠯᠤᠨ᠎ᠠ᠃ ᠭᠡᠪᠡᠴᠤ ᠬᠠᠤᠯᠢ ᠶᠤᠰᠤᠭᠠᠷ ᠪᠤᠯ ᠭᠤᠶᠤᠴᠢᠯᠠᠭᠴᠢ ᠨᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠯᠪᠠᠨ ᠭᠠᠵᠠᠷ ᠲᠤ ᠤᠴᠢᠵᠤ ᠵᠠᠰᠠᠭ ᠵᠠᠬᠢᠷᠭᠠᠨ ᠤ ᠵᠦᠪᠰᠢᠶᠡᠷᠡᠯ ᠠᠪᠬᠤ ᠭᠤᠶᠤᠴᠢᠯᠠᠯ ᠭᠠᠷᠭᠠᠬᠤ ᠭᠡᠷᠡᠭᠳᠡᠢ ᠵᠦᠢᠯ ᠡᠬᠦᠨ ᠳᠤ ᠪᠠᠭᠳᠠᠬᠤ ᠦᠬᠡᠢ᠃      ᠵᠠᠰᠠᠭ ᠵᠠᠬᠢᠷᠭᠠᠨ ᠤ ᠵᠦᠪᠰᠢᠶᠡᠷᠡᠯ ᠤᠨ ᠭᠤᠶᠤᠴᠢᠯᠠᠯ ᠢ ᠵᠠᠬᠢᠳᠠᠯ᠂ ᠴᠠᠬᠢᠯᠭᠠᠨ ᠮᠡᠳᠡᠭᠡ᠂ ᠲᠧᠯᠸᠢᠰ᠂ ᠹᠠᠺᠰ᠂ ᠡᠯᠧᠺᠲᠷᠤᠨ ᠳ᠋ᠠᠶᠢᠲ᠋ᠠ ᠰᠤᠯᠢᠯᠴᠠᠭᠤᠷ ᠪᠠ ᠡᠯᠧᠺᠲᠷᠤᠨ ᠰᠢᠤᠳᠠᠨ ᠤ ᠵᠦᠢᠯ ᠵᠡᠷᠭᠡ ᠠᠷᠭ᠎ᠠ ᠮᠠᠶ᠋ᠢᠭ ᠢᠶᠠᠷ ᠲᠤᠷᠠᠳᠴᠤ ᠪᠤᠯᠤᠨ᠎ᠠ᠃      ᠭᠤᠴᠢᠳᠤᠭᠠᠷ ᠵᠦᠢᠯ   ᠵᠠᠰᠠᠭ ᠵᠠᠬᠢᠷᠭᠠᠨ ᠤ ᠪᠠᠶᠢᠭᠤᠯᠭ᠎ᠠ ᠬᠠᠤᠯᠢ ᠴᠠᠭᠠᠵᠠ᠂ ᠬᠠᠤᠯᠢ ᠲᠤᠭᠳᠠᠭᠠᠯ᠂ ᠲᠦᠷᠢᠮ ᠲᠤᠭᠳᠠᠭᠠᠯ ᠳᠤ ᠲᠤᠭᠳᠠᠭᠠᠭᠰᠠᠨ ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠵᠦᠪᠰᠢᠶᠡᠷᠡᠯ ᠤᠨ ᠵᠦᠢᠯ ᠤᠳ᠂ ᠦᠨᠳᠦᠰᠦ ᠪᠠᠷᠢᠮᠳᠠ᠂ ᠨᠦᠬᠦᠴᠡᠯ᠂ ᠲᠤᠭ᠎ᠠ ᠬᠡᠮᠵᠢᠶ᠎ᠠ᠂ ᠵᠢᠷᠤᠮ᠂ ᠬᠤᠭᠤᠴᠠᠭ᠎ᠠ ᠵᠢᠴᠢ ᠲᠡᠪᠰᠢᠬᠦᠯᠦᠨ ᠲᠤᠰᠢᠶᠠᠬᠤ ᠴᠢᠬᠤᠯᠠᠳᠠᠢ ᠪᠦᠬᠦ ᠮᠠᠲ᠋ᠧᠷᠢᠶᠠᠯ ᠤᠨ ᠭᠠᠷᠴᠠᠭ ᠪᠠ ᠭᠤᠶᠤᠴᠢᠯᠠᠬᠤ ᠪᠢᠴᠢᠭ ᠤᠨ ᠦᠯᠢᠬᠡᠷ ᠲᠡᠪᠳᠡᠷ ᠵᠡᠷᠭᠡ ᠶᠢ ᠠᠯᠪᠠᠨ ᠭᠠᠵᠠᠷ ᠲᠠᠭᠠᠨ ᠵᠠᠷᠯᠠᠨ ᠨᠡᠶᠢᠳᠡᠯᠡᠬᠦ ᠭᠡᠷᠡᠭᠳᠡᠢ᠃      ᠭᠤᠶᠤᠴᠢᠯᠠᠭᠴᠢ ᠠᠴᠠ ᠵᠠᠰᠠᠭ ᠵᠠᠬᠢᠷᠭᠠᠨ ᠤ ᠪᠠᠶᠢᠭᠤᠯᠭ᠎ᠠ ᠳᠤ ᠵᠡᠷᠯᠠᠨ ᠨᠡᠶᠢᠳᠡᠯᠡᠭᠰᠡᠨ ᠠᠭᠤᠯᠭ᠎ᠠ ᠪᠠᠨ ᠲᠤᠳᠤᠷᠬᠠᠶᠢᠯᠠᠬᠤ᠂ ᠲᠠᠶᠢᠯᠪᠤᠷᠢᠯᠠᠬᠤ ᠶᠢ ᠱᠠᠭᠠᠷᠳᠠᠭᠰᠠᠨ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠲᠤᠳᠤᠷᠬᠠᠶᠢᠯᠠᠨ ᠲᠠᠶᠢᠯᠪᠤᠷᠢᠯᠠᠵᠤ᠂ ᠤᠨᠤᠪᠴᠢᠳᠠᠢ᠂ ᠨᠠᠶᠢᠳᠠᠪᠤᠷᠢᠳᠠᠢ ᠮᠡᠳᠡᠭᠡ ᠵᠠᠩᠬᠢ ᠬᠠᠨᠭ᠍ᠭᠠᠬᠤ ᠭᠡᠷᠡᠭᠳᠡᠢ᠃      ᠭᠤᠴᠢᠨ ᠨᠢᠬᠡᠳᠦᠬᠡᠷ ᠵᠦᠢᠯ   ᠭᠤᠶᠤᠴᠢᠯᠠᠭᠴᠢ ᠵᠠᠰᠠᠭ ᠵᠠᠬᠢᠷᠭᠠᠨ ᠤ ᠵᠦᠪᠰᠢᠶᠡᠷᠡᠯ ᠠᠪᠬᠤ ᠪᠠᠷ ᠭᠤᠶᠤᠴᠢᠯᠠᠬᠤ ᠳᠠᠭᠠᠨ ᠵᠠᠰᠠᠭ ᠵᠠᠬᠢᠷᠭᠠᠨ ᠤ ᠪᠠᠶᠢᠭᠤᠯᠭ᠎ᠠ ᠳᠤ ᠬᠤᠯᠪᠤᠭᠳᠠᠯ ᠪᠦᠬᠦᠢ ᠮᠠᠲ᠋ᠧᠷᠢᠶᠠᠯ ᠢ ᠲᠡᠪᠰᠢᠬᠦᠯᠦᠨ ᠲᠤᠰᠢᠶᠠᠬᠤ ᠪᠠ ᠦᠨᠡᠨ ᠪᠤᠳᠠᠳᠤ ᠪᠠᠶᠢᠳᠠᠯ ᠢ ᠲᠤᠰᠬᠠᠬᠤ ᠮᠦᠷᠳᠡᠭᠡᠨ ᠭᠤᠶᠤᠴᠢᠯᠠᠬᠤ ᠮᠠᠲ᠋ᠧᠷᠢᠶᠠᠯ ᠤᠨ ᠢᠶᠠᠨ ᠮᠦᠨ ᠴᠢᠨᠡᠷ ᠤᠨ ᠠᠭᠤᠯᠭ᠎ᠠ ᠶᠢᠨ ᠦᠨᠡᠨ ᠪᠤᠳᠠᠳᠤ ᠴᠢᠨᠡᠷ ᠲᠤ ᠬᠠᠷᠢᠭᠤᠴᠠᠬᠤ ᠬᠡᠷᠡᠭᠳᠡᠢ᠃ ᠵᠠᠰᠠᠭ ᠵᠠᠬᠢᠷᠭᠠᠨ ᠤ ᠪᠠᠶᠢᠭᠤᠯᠭ᠎ᠠ ᠭᠤᠶᠤᠴᠢᠯᠠᠭᠰᠠᠨ ᠵᠠᠰᠠᠬ ᠵᠠᠬᠢᠷᠭᠠᠨ ᠤ ᠵᠦᠪᠰᠢᠶᠡᠷᠡᠯ ᠲᠠᠢ ᠨᠢ ᠬᠤᠯᠪᠤᠭᠳᠠᠯ ᠦᠬᠡᠢ ᠮᠡᠷᠭᠡᠵᠢᠯ ᠤᠨ ᠮᠠᠲ᠋ᠧᠷᠢᠶᠠᠯ ᠪᠠ ᠪᠤᠰᠤᠳ ᠮᠠᠲ᠋ᠧᠷᠢᠶᠠᠯ ᠢ ᠲᠤᠰᠢᠶᠠᠯᠭᠠᠬᠤ ᠪᠠᠷ ᠭᠤᠶᠤᠴᠢᠯᠠᠭᠴᠢ ᠳᠤ ᠱᠠᠭᠠᠷᠳᠠᠵᠤ ᠪᠤᠯᠬᠤ ᠦᠬᠡᠢ᠃      ᠭᠤᠴᠢᠨ ᠬᠤᠶᠠᠳᠤᠭᠠᠷ ᠵᠦᠢᠯ   ᠵᠠᠰᠠᠭ ᠵᠠᠬᠢᠷᠭᠠᠨ ᠤ ᠪᠠᠶᠢᠭᠤᠯᠭ᠎ᠠ ᠭᠤᠶᠤᠴᠢᠯᠠᠭᠴᠢ ᠶᠢᠨ ᠲᠤᠷᠠᠳᠤᠭᠰᠠᠨ ᠵᠠᠰᠠᠭ ᠵᠠᠬᠢᠷᠭᠠᠨ ᠤ ᠵᠦᠪᠰᠢᠶᠡᠷᠡᠯ ᠠᠪᠬᠤ ᠭᠤᠶᠤᠴᠢᠯᠠᠯ ᠢ ᠲᠤᠤᠷ᠎ᠠ ᠵᠢᠭᠰᠠᠭᠠᠭᠰᠠᠨ ᠪᠠᠶᠢᠳᠠᠯ ᠤᠳ ᠢ ᠦᠨᠳᠦᠰᠦᠯᠡᠨ ᠲᠤᠰᠪᠤᠷᠢ ᠰᠢᠢᠳᠪᠤᠷᠢᠯᠡᠬᠦ ᠬᠡᠷᠡᠭᠳᠡᠢ᠄      ︵ᠨᠢᠬᠡ︶ ᠭᠤᠶᠤᠴᠢᠯᠠᠭᠰᠠᠨ ᠵᠦᠢᠯ ᠤᠳ ᠨᠢ ᠬᠠᠤᠯᠢ ᠶᠤᠰᠤᠭᠠᠷ ᠪᠤᠯ ᠵᠠᠰᠠᠭ ᠵᠠᠬᠢᠷᠭᠠᠨ ᠤ ᠵᠦᠪᠰᠢᠶᠡᠷᠡᠯ ᠠᠪᠬᠤ ᠴᠢᠬᠤᠯᠠ ᠦᠬᠡᠢ ᠪᠠᠶᠢᠪᠠᠯ᠂ ᠬᠦᠯᠢᠶᠡᠨ ᠠᠪᠴᠤ ᠰᠢᠢᠳᠪᠤᠷᠢᠯᠡᠬᠦ ᠦᠬᠡᠢ ᠪᠠᠨ ᠭᠤᠶᠤᠴᠢᠯᠠᠭᠴᠢ ᠳᠤ ᠴᠠᠭ ᠲᠤᠬᠠᠢ ᠳᠤᠨᠢ ᠮᠡᠳᠡᠭᠳᠡᠬᠦ ᠭᠡᠷᠡᠭᠳᠡᠢ︔      ︵ᠬᠤᠶᠠᠷ︶ ᠭᠤᠶᠤᠴᠢᠯᠠᠭᠰᠠᠨ ᠵᠦᠢᠯ ᠤᠳ ᠨᠢ ᠬᠠᠤᠯᠢ ᠶᠤᠰᠤᠭᠠᠷ ᠪᠤᠯ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠡᠷᠭᠡ ᠲᠤᠰᠢᠶᠡᠯ ᠤᠨ ᠭᠡᠪᠴᠢᠶᠠᠨ ᠳᠤ ᠬᠠᠷᠢᠶᠠᠯᠠᠭᠳᠠᠬᠤ ᠦᠬᠡᠢ ᠪᠠᠶᠢᠪᠠᠯ᠂ ᠴᠠᠭ ᠲᠤᠬᠠᠢ ᠳᠤᠨᠢ ᠬᠦᠯᠢᠶᠡᠨ ᠠᠪᠴᠤ ᠰᠢᠢᠳᠪᠤᠷᠢᠯᠡᠬᠦ ᠦᠬᠡᠢ ᠭᠡᠰᠡᠨ ᠲᠤᠭᠳᠠᠭᠠᠯ ᠭᠠᠷᠭᠠᠬᠤ ᠮᠦᠷᠳᠡᠭᠡᠨ ᠬᠤᠯᠪᠤᠭᠳᠠᠯ ᠪᠦᠬᠦᠢ ᠵᠠᠰᠠᠬ ᠵᠠᠬᠢᠷᠭᠠᠨ ᠤ ᠪᠠᠶᠢᠭᠤᠯᠭ᠎ᠠ ᠳᠤ ᠭᠤᠶᠤᠴᠢᠯᠠᠬᠤ ᠶᠢ ᠭᠤᠶᠤᠴᠢᠯᠠᠭᠴᠢ ᠳᠤ ᠮᠡᠳᠡᠭᠳᠡᠬᠦ ᠬᠡᠷᠡᠭᠳᠡᠢ︔      ︵ᠭᠤᠷᠪᠠ︶ ᠭᠤᠶᠤᠴᠢᠯᠠᠬᠤ ᠮᠠᠲ᠋ᠧᠷᠢᠶᠠᠯ ᠳᠤ ᠲᠤᠬᠠᠢ ᠶᠢᠨ ᠭᠠᠵᠠᠷ ᠲᠤ ᠵᠠᠯᠠᠷᠠᠭᠤᠯᠵᠤ ᠪᠤᠯᠬᠤ ᠪᠤᠷᠤᠭᠤ ᠲᠠᠢ ᠪᠠᠶᠢᠪᠠᠯ᠂ ᠭᠤᠶᠤᠴᠢᠯᠠᠭᠴᠢ ᠶᠢᠨ ᠲᠤᠬᠠᠢ ᠶᠢᠨ ᠭᠠᠵᠠᠷ ᠲᠤ ᠵᠠᠯᠠᠷᠠᠭᠤᠯᠬᠤ ᠶᠢ ᠵᠦᠪᠰᠢᠶᠡᠷᠡᠬᠦ ᠬᠡᠷᠡᠭᠳᠡᠢ︔      ︵ᠲᠦᠷᠪᠡ︶ ᠭᠤᠶᠤᠴᠢᠯᠠᠬᠤ ᠮᠠᠲ᠋ᠧᠷᠢᠶᠠᠯ ᠨᠢ ᠪᠦᠷᠢᠨ ᠬᠦᠢᠴᠡᠳ ᠪᠤᠰᠤ ᠪᠤᠶᠤ ᠬᠠᠤᠯᠢ ᠳᠤ ᠲᠤᠭᠳᠠᠭᠠᠭᠰᠠᠨ ᠭᠡᠯᠪᠡᠷᠢ ᠳᠤ ᠨᠡᠶᠢᠴᠡᠬᠦ ᠦᠬᠡᠢ ᠪᠠᠶᠢᠪᠠᠯ᠂ ᠨᠦᠬᠦᠪᠦᠷᠢᠯᠡᠵᠤ ᠵᠠᠯᠠᠷᠠᠭᠤᠯᠬᠤ ᠴᠢᠬᠤᠯᠠᠳᠠᠢ ᠪᠦᠬᠦ ᠠᠭᠤᠯᠭ᠎ᠠ ᠶᠢ ᠭᠤᠶᠤᠴᠢᠯᠠᠭᠴᠢ ᠳᠤ ᠲᠤᠬᠠᠢ ᠶᠢᠨ ᠭᠠᠵᠠᠷ ᠲᠤ ᠪᠤᠶᠤ ᠲᠠᠪᠤᠨ ᠡᠳᠦᠷ ᠤᠨ ᠲᠤᠳᠤᠷ᠎ᠠ ᠨᠢᠬᠡᠯᠡ ᠲᠤᠤᠷ᠎ᠠ ᠮᠡᠳᠡᠭᠳᠡᠬᠦ ᠭᠡᠷᠡᠭᠳᠡᠢ᠂ ᠬᠤᠭᠤᠴᠠᠭ᠎ᠠ ᠬᠡᠳᠦᠷᠡᠳᠠᠯ᠎ᠠ ᠮᠡᠳᠡᠭᠳᠡᠭᠰᠡᠨ ᠦᠬᠡᠢ ᠪᠠᠶᠢᠪᠠᠯ᠂ ᠭᠤᠶᠤᠴᠢᠯᠠᠬᠤ ᠮᠠᠲ᠋ᠧᠷᠢᠶᠠᠯ ᠢ ᠤᠯᠤᠭᠰᠠᠨ ᠡᠳᠦᠷ ᠠᠴᠠ ᠡᠬᠢᠯᠡᠵᠤ ᠬᠦᠯᠢᠶᠡᠨ ᠠᠪᠴᠤ ᠰᠢᠢᠳᠪᠤᠷᠢᠯᠡᠭᠰᠡᠨ ᠢᠶᠠᠷ ᠪᠤᠳᠤᠨ᠎ᠠ︔      ︵ᠲᠠᠪᠤ︶ ᠭᠤᠶᠤᠴᠢᠯᠠᠭᠰᠠᠨ ᠵᠦᠢᠯ ᠤᠳ ᠨᠢ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠡᠷᠭᠡ ᠲᠤᠰᠢᠶᠠᠯ ᠤᠨ ᠬᠡᠪᠴᠢᠶᠠᠨ ᠳᠤ ᠬᠠᠷᠢᠶᠠᠯᠠᠭᠳᠠᠵᠤ᠂ ᠭᠤᠶᠤᠴᠢᠯᠠᠬᠤ ᠮᠠᠲ᠋ᠧᠷᠢᠶᠠᠯ ᠨᠢ ᠪᠦᠷᠢᠨ ᠬᠦᠢᠴᠡᠳ᠂ ᠬᠠᠤᠯᠢ ᠳᠤ ᠲᠤᠭᠳᠠᠭᠠᠭᠰᠠᠨ ᠭᠡᠯᠪᠡᠷᠢ ᠳᠤ ᠨᠡᠶᠢᠴᠡᠵᠤ ᠪᠠᠶᠢᠬᠤ ᠪᠤᠶᠤ ᠭᠤᠶᠤᠴᠢᠯᠠᠭᠴᠢ ᠨᠢ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠱᠠᠭᠠᠷᠳᠠᠯᠭ᠎ᠠ ᠶᠤᠰᠤᠭᠠᠷ ᠨᠦᠬᠦᠪᠦᠷᠢᠯᠡᠵᠤ ᠵᠠᠯᠠᠷᠠᠭᠤᠯᠬᠤ ᠪᠦᠬᠦ ᠮᠠᠲ᠋ᠧᠷᠢᠶᠠᠯ ᠢ ᠲᠡᠪᠰᠢᠬᠦᠯᠦᠨ ᠲᠤᠰᠢᠶᠠᠭᠰᠠᠨ ᠪᠠᠶᠢᠪᠠᠯ᠂ ᠵᠠᠰᠠᠬ ᠵᠠᠬᠢᠷᠭᠠᠨ ᠤ ᠵᠦᠪᠰᠢᠶᠡᠷᠡᠯ ᠠᠪᠬᠤ ᠭᠤᠶᠤᠴᠢᠯᠠᠯ ᠢ ᠬᠦᠯᠢᠶᠡᠨ ᠠᠪᠴᠤ ᠰᠢᠢᠳᠪᠤᠷᠢᠯᠡᠬᠦ ᠭᠡᠷᠡᠭᠳᠡᠢ᠃      ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠵᠠᠬᠢᠷᠭᠠᠨ ᠤ ᠵᠦᠪᠰᠢᠶᠡᠷᠡᠯ ᠠᠪᠬᠤ ᠭᠤᠶᠤᠴᠢᠯᠠᠯ ᠢ ᠬᠦᠯᠢᠶᠠᠨ ᠠᠪᠴᠤ ᠰᠢᠢᠳᠪᠤᠷᠢᠯᠡᠬᠦ ᠪᠤᠶᠤ ᠦᠯᠦ ᠬᠦᠯᠢᠶᠡᠨ ᠠᠪᠴᠤ ᠰᠢᠢᠳᠪᠤᠷᠢᠯᠡᠬᠦ ᠳᠡᠭᠡᠨ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠤᠰᠬᠠᠢ ᠭᠡᠷᠡᠭᠯᠡᠬᠦ ᠲᠠᠮᠠᠭ᠎ᠠ ᠶᠢ ᠲᠠᠷᠤᠵᠤ ᠡᠳᠦᠷ ᠬᠤᠭᠤᠴᠠᠭ᠎ᠠ ᠶᠢ ᠲᠤᠳᠤᠷᠬᠠᠶᠢᠯᠠᠭᠰᠠᠨ ᠪᠢᠴᠢᠮᠠᠯ ᠪᠠᠷᠢᠮᠳᠠ ᠬᠢᠵᠤ ᠦᠭᠬᠦ ᠬᠡᠷᠡᠭᠳᠡᠢ᠃      ᠭᠤᠴᠢᠨ ᠭᠤᠷᠪᠠᠳᠤᠭᠠᠷ ᠵᠦᠢᠯ   ᠵᠠᠰᠠᠭ ᠵᠠᠬᠢᠷᠭᠠᠨ ᠤ ᠪᠠᠶᠢᠭᠤᠯᠭ᠎ᠠ ᠬᠤᠯᠪᠤᠭᠳᠠᠯ ᠪᠦᠬᠦᠢ ᠲᠦᠷᠢᠮ ᠢ ᠪᠠᠶᠢᠭᠤᠯᠤᠨ ᠲᠡᠬᠦᠯᠳᠡᠷᠵᠢᠬᠦᠯᠵᠤ᠂ ᠵᠠᠰᠠᠭ ᠤᠨ ᠶᠠᠪᠤᠳᠠᠯ ᠢ ᠺᠤᠮᠫᠢᠦ᠋ᠲ᠋ᠧᠷ ᠢᠶᠠᠷ ᠬᠦᠢᠴᠡᠳᠭᠡᠬᠦ ᠶᠢ ᠭᠡᠷᠡᠭᠵᠢᠬᠦᠯᠦᠨ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠤᠤᠷ ᠰᠦᠯᠵᠢᠶᠠᠨ ᠦᠷᠳᠡᠭᠡᠨ ᠲᠡᠭᠡᠷ᠎ᠠ ᠪᠠᠨ ᠵᠠᠰᠠᠭ ᠵᠠᠬᠢᠷᠭᠠᠨ ᠤ ᠵᠦᠪᠰᠢᠶᠡᠷᠡᠯ ᠤᠨ ᠵᠦᠢᠯ ᠤᠳ ᠢ ᠨᠡᠶᠢᠳᠡᠯᠠᠵᠤ᠂ ᠭᠤᠶᠤᠴᠢᠯᠠᠭᠴᠢ ᠶᠢᠨ ᠳ᠋ᠠᠶᠢᠲ᠋ᠠ ᠡᠯᠧᠺᠲᠷᠤᠨ ᠪᠢᠴᠢᠭ ᠵᠡᠷᠭᠡ ᠠᠷᠭ᠎ᠠ ᠮᠠᠶ᠋ᠢᠭ ᠢᠶᠠᠷ ᠵᠠᠰᠠᠬ ᠵᠠᠭᠢᠷᠭᠠᠨ ᠤ ᠵᠦᠪᠰᠢᠶᠡᠷᠡᠯ ᠠᠪᠬᠤ ᠭᠤᠶᠤᠴᠢᠯᠠᠯ ᠭᠠᠷᠭᠠᠬᠤ ᠳᠤ ᠲᠦᠬᠦᠮ ᠪᠤᠯᠭᠠᠬᠤ ᠭᠡᠷᠡᠭᠳᠡᠢ︔ ᠵᠠᠰᠠᠭ ᠵᠠᠬᠢᠷᠭᠠᠨ ᠤ ᠪᠤᠰᠤᠳ ᠪᠠᠶᠢᠭᠤᠯᠭ᠎ᠠ ᠯᠤᠭ᠎ᠠ ᠵᠠᠰᠠᠭ ᠵᠠᠬᠢᠷᠭᠠᠨ ᠤ ᠵᠦᠪᠰᠢᠶᠡᠷᠡᠯ ᠤᠨ ᠬᠤᠯᠪᠤᠭᠳᠠᠯ ᠪᠦᠬᠦᠢ ᠮᠡᠳᠡᠭᠡ ᠵᠠᠩᠬᠢ ᠶᠢ ᠬᠠᠮᠳᠤᠪᠠᠷ ᠡᠳ᠋ᠯᠡᠵᠤ᠂ ᠠᠵᠢᠯ ᠶᠠᠪᠤᠳᠠᠯ ᠡᠷᠬᠢᠯᠡᠬᠦ ᠦᠷ᠎ᠠ ᠪᠦᠳᠦᠭᠡᠯ ᠢᠶᠠᠨ ᠲᠡᠭᠡᠭᠰᠢᠯᠡᠬᠦᠯᠬᠦ ᠬᠡᠷᠡᠭᠳᠡᠢ᠃      ᠬᠤᠶᠠᠳᠤᠭᠠᠷ ᠬᠡᠰᠡᠭ   ᠬᠢᠨᠠᠨ ᠪᠠᠶᠢᠴᠠᠭᠠᠬᠤ ᠪᠡ ᠲᠤᠭᠳᠠᠭᠠᠯ ᠭᠠᠷᠭᠠᠬᠤ      ᠭᠤᠴᠢᠨ ᠲᠦᠷᠪᠡᠳᠦᠬᠡᠷ ᠵᠦᠢᠯ   ᠵᠠᠰᠠᠭ ᠵᠠᠬᠢᠷᠭᠠᠨ ᠤ ᠪᠠᠶᠢᠭᠤᠯᠭ᠎ᠠ ᠭᠤᠶᠤᠴᠢᠯᠠᠭᠴᠢ ᠶᠢᠨ ᠲᠡᠪᠰᠢᠬᠦᠯᠦᠨ ᠲᠤᠰᠢᠶᠠᠭᠰᠠᠨ ᠭᠤᠶᠤᠴᠢᠯᠠᠬᠤ ᠮᠠᠲ᠋ᠧᠷᠢᠶᠠᠯ ᠢ ᠬᠢᠨᠠᠨ ᠪᠠᠶᠢᠴᠠᠭᠠᠬᠤ ᠭᠡᠷᠡᠭᠳᠡᠢ᠃      ᠭᠤᠶᠤᠴᠢᠯᠠᠭᠴᠢ ᠶᠢᠨ ᠲᠡᠪᠰᠢᠬᠦᠯᠦᠨ ᠲᠤᠰᠢᠶᠠᠭᠰᠠᠨ ᠭᠤᠶᠤᠴᠢᠯᠠᠬᠤ ᠮᠠᠲ᠋ᠧᠷᠢᠶᠠᠯ ᠨᠢ ᠪᠦᠷᠢᠨ ᠬᠦᠢᠴᠡᠳ᠂ ᠬᠠᠤᠯᠢ ᠳᠤ ᠲᠤᠭᠳᠠᠭᠠᠭᠰᠠᠨ ᠬᠡᠯᠪᠡᠷᠢ ᠳᠤ ᠨᠠᠶᠢᠴᠡᠵᠤ ᠪᠠᠶᠢᠬᠤ ᠪᠦᠬᠡᠳ ᠵᠠᠰᠠᠭ ᠵᠠᠬᠢᠷᠭᠠᠨ ᠤ ᠪᠠᠶᠢᠭᠤᠯᠭ᠎ᠠ ᠲᠤᠬᠠᠢ ᠶᠢᠨ ᠭᠠᠵᠠᠷ ᠲᠤ ᠲᠤᠭᠳᠠᠭᠠᠯ ᠭᠠᠷᠭᠠᠵᠤ ᠲᠡᠶᠢᠯᠬᠦ ᠳᠤ ᠬᠦᠷᠪᠡᠯ᠂ ᠲᠤᠬᠠᠢ ᠶᠢᠨ ᠭᠠᠵᠠᠷ ᠲᠤᠨᠢ ᠵᠠᠰᠠᠭ ᠵᠠᠬᠢᠷᠭᠠᠨ ᠤ ᠵᠦᠪᠰᠢᠶᠡᠷᠡᠯ ᠤᠨ ᠲᠤᠭᠳᠠᠭᠠᠯ ᠢ ᠪᠢᠴᠢᠭ ᠢᠶᠠᠷ ᠬᠢᠵᠤ ᠦᠭᠬᠦ ᠬᠡᠷᠡᠭᠳᠡᠢ᠃      ᠬᠠᠤᠯᠢ ᠳᠤ ᠲᠤᠭᠳᠠᠭᠠᠭᠰᠠᠨ ᠨᠦᠬᠦᠴᠡᠯ ᠪᠠ ᠵᠢᠷᠤᠮ ᠢ ᠦᠨᠳᠦᠰᠦᠯᠡᠨ᠂ ᠭᠤᠶᠤᠴᠢᠯᠠᠬᠤ ᠮᠠᠲ᠋ᠧᠷᠢᠶᠠᠯ ᠤᠨ ᠮᠦᠨ ᠴᠢᠨᠡᠷ ᠤᠨ ᠠᠭᠤᠯᠭ᠎ᠠ ᠶᠢ ᠬᠢᠨᠠᠨ ᠮᠠᠭᠠᠳᠯᠠᠬᠤ ᠴᠢᠬᠤᠯᠠᠳᠠᠢ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠬᠤᠶᠠᠷ ᠠᠴᠠ ᠲᠡᠭᠡᠭᠰᠢ ᠲᠤᠭᠠᠨ ᠤ ᠠᠵᠢᠯᠳᠠᠨ ᠢ ᠲᠤᠮᠢᠯᠠᠵᠤ ᠬᠠᠷᠭᠤᠭᠤᠯᠤᠨ ᠪᠠᠶᠢᠴᠠᠭᠠᠯᠭᠠᠬᠤ ᠬᠡᠷᠡᠭᠳᠡᠢ᠃      ᠭᠤᠴᠢᠨ ᠲᠠᠪᠤᠳᠤᠭᠠᠷ ᠵᠦᠢᠯ   ᠬᠠᠤᠯᠢ ᠶᠤᠰᠤᠭᠠᠷ ᠤᠷᠢᠳᠠᠪᠠᠷ ᠲᠤᠤᠷᠠᠳᠤ ᠱᠠᠳᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠬᠢᠨᠠᠨ ᠪᠠᠶᠢᠴᠠᠭᠠᠬᠰᠠᠨ ᠤ ᠲᠠᠷᠠᠭ᠎ᠠ ᠲᠡᠭᠡᠳᠦ ᠱᠠᠳᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠳᠤ ᠮᠡᠳᠡᠬᠦᠯᠵᠤ ᠲᠤᠭᠳᠠᠭᠠᠯᠭᠠᠬᠤ ᠶᠤᠰᠤᠳᠠᠢ ᠵᠠᠰᠠᠭ ᠵᠠᠬᠢᠷᠭᠠᠨ ᠤ ᠵᠦᠪᠰᠢᠶᠡᠷᠡᠯ ᠢ᠂ ᠲᠤᠤᠷᠠᠳᠤ ᠱᠠᠳᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠬᠠᠤᠯᠢ ᠳᠤ ᠲᠤᠭᠳᠠᠭᠠᠭᠰᠠᠨ ᠬᠤᠭᠤᠴᠠᠭᠠᠨ ᠳᠤ ᠠᠩᠬ᠎ᠠ ᠠᠯᠬᠤᠮ ᠤᠨ ᠬᠢᠨᠠᠨ ᠪᠠᠶᠢᠴᠠᠭᠠᠭᠰᠠᠨ ᠰᠠᠨᠠᠯ ᠪᠠ ᠪᠦᠬᠦ ᠭᠤᠶᠤᠴᠢᠯᠠᠬᠤ ᠮᠠᠲ᠋ᠧᠷᠢᠶᠠᠯ ᠢ ᠲᠡᠭᠡᠳᠦ ᠱᠠᠳᠤᠨ ᠤ ᠵᠠᠰᠠᠬ ᠵᠠᠬᠢᠷᠭᠠᠨ ᠤ ᠪᠠᠶᠢᠭᠤᠯᠭ᠎ᠠ ᠳᠤ ᠰᠢᠭᠤᠳ ᠮᠡᠳᠡᠬᠦᠯᠦᠨ ᠬᠦᠷᠭᠡᠬᠦ ᠭᠡᠷᠡᠭᠳᠡᠢ᠃ ᠲᠡᠭᠡᠳᠦ ᠱᠠᠳᠤᠨ ᠤ ᠵᠠᠰᠠᠬ ᠵᠠᠬᠢᠷᠭᠠᠨ ᠤ ᠪᠠᠶᠢᠭᠤᠯᠭ᠎ᠠ ᠭᠤᠶᠤᠴᠢᠯᠠᠭᠴᠢ ᠶᠢ ᠭᠤᠶᠤᠴᠢᠯᠠᠬᠤ ᠮᠠᠲ᠋ᠧᠷᠢᠶᠠᠯ ᠲᠡᠬᠢᠨᠳᠡ ᠬᠠᠨᠭ᠍ᠭᠠᠯᠭᠠᠬᠤ ᠪᠠᠷ ᠱᠠᠭᠠᠷᠳᠠᠵᠤ ᠪᠤᠯᠬᠤ ᠦᠬᠡᠢ᠃      ᠭᠤᠴᠢᠨ ᠵᠢᠷᠭᠤᠳᠤᠭᠠᠷ ᠵᠦᠢᠯ   ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠵᠠᠬᠢᠷᠭᠠᠨ ᠤ ᠵᠦᠪᠰᠢᠶᠡᠷᠡᠯ ᠠᠪᠬᠤ ᠭᠤᠶᠤᠴᠢᠯᠠᠯ ᠢ ᠬᠢᠨᠠᠨ ᠪᠠᠶᠢᠴᠠᠭᠠᠬᠤ ᠳᠠᠭᠠᠨ᠂ ᠵᠠᠰᠠᠭ ᠵᠠᠬᠢᠷᠭᠠᠨ ᠤ ᠭᠤᠶᠤᠴᠢᠯᠠᠯ ᠠᠪᠬᠤ ᠬᠡᠵᠤ ᠪᠠᠶᠢᠭ᠎ᠠ ᠵᠦᠢᠯ ᠤᠳ ᠨᠢ ᠪᠤᠰᠤᠳ ᠬᠦᠮᠦᠨ ᠤ ᠴᠢᠬᠤᠯᠠ ᠶᠡᠭᠡ ᠠᠰᠢᠭ ᠲᠤᠰᠠ ᠳᠤ ᠬᠤᠯᠪᠤᠭᠳᠠᠵᠤ ᠪᠠᠶᠢᠬᠤ ᠶᠢ ᠤᠯᠵᠤ ᠮᠡᠳᠡᠭᠰᠡᠨ ᠪᠠᠶᠢᠪᠠᠯ᠂ ᠲᠤᠰ ᠠᠰᠢᠭ ᠬᠤᠤᠷ ᠤᠨ ᠬᠠᠷᠢᠴᠠᠭ᠎ᠠ ᠲᠠᠢ ᠬᠦᠮᠦᠨ ᠳᠤ ᠮᠡᠳᠡᠭᠳᠡᠬᠦ ᠬᠡᠷᠡᠭᠳᠡᠢ᠃ ᠭᠤᠶᠤᠴᠢᠯᠠᠭᠴᠢ᠂ ᠠᠰᠢᠭ ᠬᠤᠤᠷ ᠤᠨ ᠬᠠᠷᠢᠴᠠᠭ᠎ᠠ ᠲᠠᠢ ᠬᠦᠮᠦᠨ ᠲᠤᠭᠠᠴᠢᠨ ᠦᠬᠦᠯᠡᠬᠦ ᠪᠠ ᠵᠦᠪᠳᠡᠬᠡᠨ ᠲᠤᠳᠤᠷᠬᠠᠶᠢᠯᠠᠬᠤ ᠡᠷᠭᠡ ᠲᠠᠢ᠃ ᠵᠠᠰᠠᠭ ᠵᠠᠬᠢᠷᠭᠠᠨ ᠤ ᠪᠠᠶᠢᠭᠤᠯᠭ᠎ᠠ ᠭᠤᠶᠤᠴᠢᠯᠠᠭᠴᠢ᠂ ᠠᠰᠢᠭ ᠬᠤᠤᠷ ᠤᠨ ᠬᠠᠷᠢᠴᠠᠭ᠎ᠠ ᠲᠠᠢ ᠬᠦᠮᠦᠨ ᠤ ᠰᠠᠨᠠᠯ ᠢ ᠰᠤᠨᠤᠰᠬᠤ ᠭᠡᠷᠡᠭᠳᠡᠢ᠃      ᠭᠤᠴᠢᠨ ᠲᠤᠯᠤᠳᠤᠭᠠᠷ ᠵᠦᠢᠯ   ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠬ ᠵᠠᠬᠢᠷᠭᠠᠨ ᠤ ᠵᠦᠪᠰᠢᠶᠠᠷᠠᠯ ᠠᠪᠬᠤ ᠭᠤᠶᠤᠴᠢᠯᠠᠯ ᠢ ᠬᠢᠨᠠᠨ ᠪᠠᠶᠢᠴᠠᠭᠠᠭᠰᠠᠨ ᠤ ᠲᠠᠷᠠᠭ᠎ᠠ᠂ ᠲᠤᠬᠠᠢ ᠶᠢᠨ ᠭᠠᠵᠠᠷ ᠲᠤ ᠵᠠᠰᠠᠭ ᠵᠠᠬᠢᠷᠭᠠᠨ ᠤ ᠵᠦᠪᠰᠢᠶᠡᠷᠡᠯ ᠤᠨ ᠲᠤᠭᠳᠠᠭᠠᠯ ᠭᠠᠷᠭᠠᠬᠤ ᠠᠴᠠ ᠪᠤᠰᠤᠳ ᠢ ᠨᠢ ᠬᠠᠤᠯᠢ ᠳᠤ ᠲᠤᠭᠳᠠᠭᠠᠭᠰᠠᠨ ᠬᠤᠭᠤᠴᠠᠭᠠᠨ ᠳᠤ ᠲᠤᠭᠳᠠᠭᠰᠠᠨ ᠵᠢᠷᠤᠮ ᠶᠤᠰᠤᠭᠠᠷ ᠵᠠᠰᠠᠬ ᠵᠠᠬᠢᠷᠭᠠᠨ ᠤ ᠵᠦᠪᠰᠢᠶᠡᠷᠡᠯ ᠤᠨ ᠲᠤᠭᠳᠠᠭᠠᠯ ᠭᠠᠷᠭᠠᠬᠤ ᠭᠡᠷᠡᠭᠳᠡᠢ᠃      ᠭᠤᠴᠢᠨ ᠨᠠᠢᠮᠠᠳᠤᠭᠠᠷ ᠵᠦᠢᠯ   ᠭᠤᠶᠤᠴᠢᠯᠠᠭᠴᠢ ᠶᠢᠨ ᠭᠤᠶᠤᠴᠢᠯᠠᠯ ᠬᠠᠤᠯᠢ ᠳᠤ ᠲᠤᠭᠳᠠᠭᠠᠭᠰᠠᠨ ᠨᠦᠬᠦᠴᠡᠯ᠂ ᠪᠠᠷᠢᠮᠵᠢᠶ᠎ᠠ ᠳᠤ ᠨᠡᠶᠢᠴᠡᠵᠤ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠬᠠᠤᠯᠢ ᠶᠤᠰᠤᠭᠠᠷ ᠵᠠᠰᠠᠭ ᠵᠠᠬᠢᠷᠭᠠᠨ ᠤ ᠵᠦᠪᠰᠢᠶᠡᠷᠡᠯ ᠦᠭᠬᠦ ᠪᠢᠴᠢᠮᠠᠯ ᠲᠤᠭᠳᠠᠭᠠᠯ ᠭᠠᠷᠭᠠᠬᠤ ᠭᠡᠷᠡᠭᠳᠡᠢ᠃      ᠵᠠᠰᠠᠭ ᠵᠠᠬᠢᠷᠭᠠᠨ ᠤ ᠪᠠᠶᠢᠭᠤᠯᠭ᠎ᠠ ᠬᠠᠤᠯᠢ ᠶᠤᠰᠤᠭᠠᠷ ᠵᠠᠰᠠᠭ ᠵᠠᠬᠢᠷᠭᠠᠨ ᠤ ᠵᠦᠪᠰᠢᠶᠡᠷᠡᠯ ᠦᠯᠦ ᠦᠭᠬᠦ ᠪᠢᠴᠢᠮᠡᠯ ᠲᠤᠭᠳᠠᠭᠠᠯ ᠭᠠᠷᠭᠠᠭᠰᠠᠨ ᠪᠠᠶᠢᠪᠠᠯ᠂ ᠤᠴᠢᠷ ᠰᠢᠯᠳᠠᠭᠠᠨ ᠢᠶᠠᠨ ᠲᠤᠳᠤᠷᠬᠠᠶᠢᠯᠠᠬᠤ ᠮᠦᠷᠳᠡᠭᠡᠨ ᠬᠠᠤᠯᠢ ᠶᠤᠰᠤᠭᠠᠷ ᠵᠠᠰᠠᠬ ᠵᠠᠬᠢᠷᠭᠠᠨ ᠢᠶᠠᠷ ᠲᠠᠪᠳᠠᠨ ᠶᠠᠷᠢᠯᠴᠠᠭᠤᠯᠬᠤ ᠪᠠᠷ ᠭᠤᠶᠤᠴᠢᠯᠠᠬᠤ ᠪᠤᠶᠤ ᠵᠠᠰᠠᠭ ᠵᠠᠬᠢᠷᠭᠠᠨ ᠤ ᠵᠠᠭᠠᠯᠳᠤᠯᠭ᠎ᠠ ᠬᠢᠬᠦ ᠡᠷᠭᠡ ᠲᠠᠢ ᠪᠠᠶᠢᠬᠤ ᠶᠢ ᠭᠤᠶᠤᠴᠢᠯᠠᠭᠴᠢ ᠳᠤ ᠮᠡᠳᠡᠭᠳᠡᠬᠦ ᠭᠡᠷᠡᠭᠳᠡᠢ᠃      ᠭᠤᠴᠢ ᠶᠢᠰᠦᠳᠦᠬᠡᠷ ᠵᠦᠢᠯ   ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠵᠠᠬᠢᠷᠭᠠᠨ ᠤ ᠵᠦᠪᠰᠢᠶᠡᠷᠡᠯ ᠦᠭᠬᠦ ᠲᠤᠭᠳᠠᠭᠠᠯ ᠭᠠᠷᠭᠠᠬᠤ ᠳᠠᠭᠠᠨ ᠵᠠᠰᠠᠭ ᠵᠠᠬᠢᠷᠭᠠᠨ ᠤ ᠵᠦᠪᠰᠢᠶᠡᠷᠡᠯ ᠤᠨ ᠭᠡᠷᠡᠴᠢ ᠦᠨᠡᠮᠯᠡᠯ ᠤᠯᠭᠤᠬᠤ ᠴᠢᠬᠤᠯᠠᠳᠠᠢ ᠪᠠᠶᠢᠪᠠᠯ᠂ ᠭᠤᠶᠤᠴᠢᠯᠠᠭᠴᠢ ᠳᠤ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠠᠮᠠᠭ᠎ᠠ ᠲᠠᠢ ᠲᠤᠤᠷ᠎ᠠ ᠵᠢᠭᠰᠠᠭᠠᠭᠰᠠᠨ ᠵᠠᠰᠠᠭ ᠵᠠᠬᠢᠷᠭᠠᠨ ᠤ ᠵᠦᠪᠰᠢᠶᠡᠷᠡᠯ ᠤᠨ ᠭᠡᠷᠡᠴᠢ ᠦᠨᠡᠮᠯᠡᠯ ᠢ ᠤᠯᠭᠤᠬᠤ ᠭᠡᠷᠡᠭᠳᠡᠢ᠄      ︵ᠨᠢᠬᠡ︶ ᠵᠦᠪᠰᠢᠶᠡᠷᠡᠯ ᠤᠨ ᠦᠨᠡᠮᠯᠡᠯ᠂ ᠭᠡᠷᠡᠴᠢ ᠪᠤᠶᠤ ᠪᠤᠰᠤᠳ ᠵᠦᠪᠰᠢᠶᠡᠷᠡᠯ ᠤᠨ ᠦᠨᠡᠮᠯᠡᠯ︔      ︵ᠬᠤᠶᠠᠷ︶ ᠬᠢᠷᠢ ᠭᠡᠮ ᠤᠨ ᠦᠨᠡᠮᠯᠡᠯ᠂ ᠬᠢᠷᠢ ᠴᠢᠳᠠᠯ ᠤᠨ ᠦᠨᠡᠮᠯᠡᠯ ᠪᠤᠶᠤ ᠪᠤᠰᠤᠳ ᠬᠢᠷᠢ ᠲᠡᠩᠴᠡᠭᠰᠡᠨ ᠦᠨᠡᠮᠯᠡᠯ︔      ︵ᠭᠤᠷᠪᠠ︶ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠪᠤᠶᠤ ᠭᠡᠷᠡᠴᠢᠯᠡᠭᠰᠡᠨ ᠪᠢᠴᠢᠭ ᠮᠠᠲ᠋ᠧᠷᠢᠶᠠᠯ︔      ︵ᠲᠦᠷᠪᠡ︶ ᠬᠠᠤᠯᠢ ᠴᠠᠭᠠᠵᠠ᠂ ᠬᠠᠤᠯᠢ ᠲᠤᠭᠳᠠᠭᠠᠯ ᠳᠤ ᠲᠤᠭᠳᠠᠭᠠᠭᠰᠠᠨ ᠵᠠᠰᠠᠭ ᠵᠠᠬᠢᠷᠭᠠᠨ ᠤ ᠵᠦᠪᠰᠢᠶᠡᠷᠡᠯ ᠤᠨ ᠪᠤᠰᠤᠳ ᠭᠡᠷᠡᠴᠢ ᠦᠨᠡᠮᠯᠡᠯ᠃      ᠵᠠᠰᠠᠭ ᠵᠠᠬᠢᠷᠭᠠᠨ ᠤ ᠪᠠᠶᠢᠭᠤᠯᠭ᠎ᠠ ᠰᠢᠯᠭᠠᠨ ᠪᠠᠶᠢᠴᠠᠭᠠᠯᠳᠠ᠂ ᠪᠠᠶᠢᠴᠠᠭᠠᠨ ᠭᠡᠮᠵᠢᠯᠳᠠ᠂ ᠬᠢᠵᠢᠭ ᠤᠨ ᠪᠠᠶᠢᠴᠠᠭᠠᠯᠳᠠ ᠬᠢᠭᠰᠡᠨ ᠪᠠᠶᠢᠪᠠᠯ᠂ ᠰᠢᠯᠭᠠᠨ ᠪᠠᠶᠢᠴᠠᠭᠠᠵᠤ᠂ ᠪᠠᠶᠢᠴᠠᠭᠠᠨ ᠭᠡᠮᠵᠢᠵᠤ᠂ ᠬᠢᠵᠢᠭ ᠪᠠᠶᠢᠴᠠᠭᠠᠭᠠᠳ ᠬᠢᠷᠢ ᠲᠡᠩᠴᠡᠭᠰᠡᠨ ᠲᠤᠨᠤᠭ ᠲᠦᠬᠦᠬᠡᠷᠦᠮᠵᠢ᠂ ᠪᠡᠯᠡᠳᠭᠡᠮᠵᠢ᠂ ᠦᠢᠯᠡᠳᠬᠦᠨ᠂ ᠡᠳ᠋ ᠪᠠᠷᠠᠭ᠎ᠠ ᠶᠢᠨ ᠲᠡᠭᠡᠷ᠎ᠠ ᠱᠤᠰᠢᠭ᠎ᠠ ᠬᠠᠳᠠᠬᠤ ᠪᠤᠶᠤ ᠰᠢᠯᠭᠠᠨ ᠪᠠᠶᠢᠴᠠᠭᠠᠵᠤ᠂ ᠪᠠᠶᠢᠴᠠᠭᠠᠨ ᠭᠡᠮᠵᠢᠵᠤ᠂ ᠬᠢᠵᠢᠭ ᠪᠠᠶᠢᠴᠠᠭᠠᠭᠰᠠᠨ ᠲᠠᠮᠠᠭ᠎ᠠ ᠲᠠᠷᠤᠵᠤ ᠪᠤᠯᠤᠨ᠎ᠠ᠃      ᠲᠦᠴᠢᠳᠦᠬᠡᠷ ᠵᠦᠢᠯ   ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠬ ᠵᠠᠬᠢᠷᠭᠠᠨ ᠤ ᠵᠦᠪᠰᠢᠶᠡᠷᠡᠯ ᠦᠭᠬᠦᠭᠰᠡᠨ ᠲᠤᠭᠳᠠᠭᠠᠯ ᠢ ᠢᠯᠡ ᠪᠠᠷ ᠨᠡᠶᠢᠳᠡᠯᠡᠬᠦ ᠬᠡᠷᠡᠭᠳᠡᠢ᠂ ᠤᠯᠠᠨ ᠲᠦᠮᠡᠨ ᠪᠠᠶᠢᠴᠠᠭᠠᠵᠤ ᠤᠡᠭᠰᠢᠬᠤ ᠡᠷᠭᠡ ᠲᠠᠢ᠃      ᠲᠦᠴᠢᠨ ᠨᠢᠬᠡᠳᠦᠬᠡᠷ ᠵᠦᠢᠯ   ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠢᠶᠠᠷ ᠲᠤᠭᠳᠠᠭᠠᠭᠰᠠᠨ ᠵᠠᠰᠠᠭ ᠵᠠᠬᠢᠷᠭᠠᠨ ᠤ ᠵᠦᠪᠰᠢᠶᠡᠷᠡᠯ ᠤᠨ ᠬᠡᠷᠡᠭᠯᠡᠭᠳᠡᠬᠦ ᠭᠡᠪᠴᠢᠶ᠎ᠠ ᠨᠢ ᠤᠷᠤᠨ ᠪᠦᠰᠡ ᠶᠢᠨ ᠬᠢᠵᠠᠭᠠᠷᠯᠠᠯ ᠦᠬᠡᠢ ᠪᠠᠶᠢᠪᠠᠯ᠂ ᠭᠤᠶᠤᠴᠢᠯᠠᠭᠴᠢ ᠶᠢᠨ ᠤᠯᠤᠭᠰᠠᠨ ᠵᠠᠰᠠᠭ ᠵᠠᠬᠢᠷᠭᠠᠨ ᠤ ᠵᠦᠪᠰᠢᠶᠡᠷᠡᠯ ᠨᠢ ᠪᠦᠬᠦ ᠤᠯᠤᠰ ᠤᠨ ᠭᠡᠪᠴᠢᠶᠠᠨ ᠳᠤ ᠬᠦᠴᠦᠨ ᠲᠠᠢ᠃      ᠭᠤᠷᠪᠠᠳᠤᠭᠠᠷ ᠬᠡᠰᠡᠭ   ᠬᠤᠭᠤᠴᠠᠭ᠎ᠠ      ᠲᠦᠴᠢᠨ ᠬᠤᠶᠠᠳᠦᠭᠠᠷ ᠵᠦᠢᠯ   ᠲᠤᠬᠠᠢ ᠶᠢᠨ ᠭᠠᠵᠠᠷ ᠲᠤ ᠵᠠᠰᠠᠬ ᠵᠠᠬᠢᠷᠭᠠᠨ ᠤ ᠵᠦᠪᠰᠢᠶᠡᠷᠡᠯ ᠤᠨ ᠲᠤᠭᠳᠠᠭᠠᠯ ᠭᠠᠷᠭᠠᠵᠤ ᠪᠤᠯᠬᠤ ᠠᠴᠠ ᠪᠤᠰᠤᠳ ᠢ ᠨᠢ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠵᠠᠬᠢᠷᠭᠠᠨ ᠤ ᠵᠦᠪᠰᠢᠶᠡᠷᠡᠯ ᠠᠪᠬᠤ ᠭᠤᠶᠤᠴᠢᠯᠠᠯ ᠢ ᠰᠢᠢᠳᠪᠤᠷᠢᠯᠡᠬᠦ ᠪᠠᠷ ᠬᠦᠯᠢᠶᠠᠨ ᠠᠪᠤᠭᠰᠠᠨ ᠡᠳᠦᠷ ᠠᠴᠠ ᠡᠬᠢᠯᠡᠨ ᠬᠤᠷᠢᠨ ᠡᠳᠦᠷ ᠤᠨ ᠲᠤᠳᠤᠷ᠎ᠠ ᠵᠠᠰᠠᠬ ᠵᠠᠬᠢᠷᠭᠠᠨ ᠤ ᠵᠦᠪᠰᠢᠶᠡᠷᠡᠯ ᠤᠨ ᠲᠤᠭᠳᠠᠭᠠᠯ ᠭᠠᠷᠭᠠᠬᠤ ᠬᠡᠷᠡᠭᠳᠡᠢ᠃ ᠬᠤᠷᠢᠨ ᠡᠳᠦᠷ ᠤᠨ ᠲᠤᠳᠤᠷ᠎ᠠ ᠲᠤᠭᠳᠠᠭᠠᠯ ᠭᠠᠷᠭᠠᠵᠤ ᠴᠢᠳᠠᠬᠤ ᠦᠬᠡᠢ ᠪᠠᠶᠢᠪᠠᠯ᠂ ᠲᠤᠰ ᠵᠠᠰᠠᠬ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠳᠠᠨ ᠢᠶᠠᠷ ᠵᠦᠪᠰᠢᠶᠡᠷᠡᠬᠦᠯᠦᠬᠡᠳ ᠠᠷᠪᠠᠨ ᠡᠳᠦᠷ ᠤᠷᠳᠤᠳᠬᠠᠵᠤ ᠪᠤᠯᠬᠤ ᠪᠦᠬᠡᠳ ᠬᠤᠭᠤᠴᠠᠭ᠎ᠠ ᠶᠢ ᠤᠷᠳᠤᠳᠬᠠᠭᠰᠠᠨ ᠰᠢᠯᠳᠠᠭᠠᠨ ᠢᠶᠠᠨ ᠭᠤᠶᠤᠴᠢᠯᠠᠭᠴᠢ ᠳᠤ ᠮᠡᠳᠡᠭᠳᠡᠬᠦ ᠬᠡᠷᠡᠭᠳᠡᠢ᠃ ᠭᠡᠪᠡᠴᠦ ᠬᠠᠤᠯᠢ ᠴᠠᠭᠠᠵᠠ᠂ ᠬᠠᠤᠯᠢ ᠲᠤᠭᠳᠠᠭᠠᠯ ᠳᠤ ᠠᠰᠳᠠᠭᠠᠨ ᠲᠤᠭᠳᠠᠭᠠᠯ ᠲᠠᠢ ᠪᠠᠶᠢᠪᠠᠯ᠂ ᠲᠡᠷᠡ ᠲᠤᠭᠳᠠᠭᠠᠯ ᠶᠤᠰᠤᠭᠠᠷ ᠬᠦᠢᠴᠡᠳᠭᠡᠨ᠎ᠠ᠃      ᠲᠤᠰ ᠬᠠᠤᠯᠢ ᠶᠢᠨ ᠬᠤᠷᠢᠨ ᠵᠢᠷᠭᠤᠳᠤᠭᠠᠷ ᠵᠦᠢᠯ ᠤᠨ ᠲᠤᠭᠳᠠᠭᠠᠯ ᠢ ᠦᠨᠳᠦᠰᠦᠯᠡᠨ᠂ ᠵᠠᠰᠠᠭ ᠵᠠᠬᠢᠷᠭᠠᠨ ᠤ ᠵᠦᠪᠰᠢᠶᠡᠷᠡᠯ ᠢ ᠨᠢᠬᠡᠳᠦᠯᠳᠡᠢ ᠰᠢᠢᠳᠪᠤᠷᠢᠯᠡᠬᠦ ᠪᠤᠶᠤ ᠬᠠᠮᠳᠤᠷᠠᠨ ᠰᠢᠢᠳᠪᠤᠷᠢᠯᠡᠵᠤ᠂ ᠲᠦᠪᠯᠡᠷᠡᠬᠦᠯᠦᠨ ᠰᠢᠢᠳᠪᠤᠷᠢᠯᠡᠬᠦ ᠳᠤ ᠬᠦᠷᠪᠡᠯ᠂ ᠰᠢᠢᠳᠪᠤᠷᠢᠯᠡᠬᠦ ᠴᠠᠭ ᠨᠢ ᠲᠦᠴᠢᠨ ᠲᠠᠪᠤᠨ ᠡᠳᠦᠷ ᠠᠴᠠ ᠭᠡᠳᠦᠷᠡᠵᠤ ᠪᠤᠯᠬᠤ ᠦᠬᠡᠢ︔ ᠲᠦᠴᠢᠨ ᠲᠠᠪᠤᠨ ᠡᠳᠦᠷ ᠤᠨ ᠲᠤᠳᠤᠷ᠎ᠠ ᠰᠢᠢᠳᠪᠤᠷᠢᠯᠡᠨ ᠲᠠᠭᠤᠰᠬᠠᠵᠤ ᠲᠡᠶᠢᠯᠬᠦ ᠦᠬᠡᠢ ᠪᠠᠶᠢᠪᠠᠯ᠂ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠤ ᠬᠠᠷᠢᠭᠤᠴᠠᠯᠭᠠᠳᠠᠨ ᠢᠶᠠᠷ ᠵᠦᠪᠰᠢᠶᠡᠷᠡᠬᠦᠯᠦᠬᠡᠳ ᠠᠷᠪᠠᠨ ᠲᠠᠪᠤᠨ ᠡᠳᠦᠷ ᠤᠷᠳᠤᠳᠬᠠᠵᠤ ᠪᠤᠯᠬᠤ ᠪᠦᠬᠡᠳ ᠬᠤᠭᠤᠴᠠᠭ᠎ᠠ ᠶᠢ ᠤᠷᠳᠤᠳᠬᠠᠬᠰᠠᠨ ᠰᠢᠯᠳᠠᠭᠠᠨ ᠢᠶᠠᠨ ᠭᠤᠶᠤᠴᠢᠯᠠᠭᠴᠢ ᠳᠤ ᠮᠡᠳᠡᠭᠳᠡᠬᠦ ᠬᠡᠷᠡᠭᠳᠡᠢ᠃      ᠲᠦᠴᠢᠨ ᠭᠤᠷᠪᠠᠳᠤᠭᠠᠷ ᠵᠦᠢᠯ   ᠬᠠᠤᠯᠢ ᠶᠤᠰᠤᠭᠠᠷ ᠤᠷᠢᠳᠠᠪᠠᠷ ᠲᠤᠤᠷᠠᠳᠤ ᠱᠠᠳᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠬᠢᠨᠠᠨ ᠪᠠᠶᠢᠴᠠᠭᠠᠭᠰᠠᠨ ᠤ ᠲᠠᠷᠠᠭ᠎ᠠ ᠲᠡᠭᠡᠳᠤ ᠱᠠᠳᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠳᠤ ᠮᠡᠳᠡᠬᠦᠯᠵᠤ ᠲᠤᠭᠳᠠᠭᠠᠯᠭᠠᠬᠤ ᠶᠤᠰᠤᠳᠠᠢ ᠵᠠᠰᠠᠬ ᠵᠠᠬᠢᠷᠭᠠᠨ ᠤ ᠵᠦᠪᠰᠢᠶᠡᠷᠡᠯ ᠢ᠂ ᠲᠤᠤᠷᠠᠳᠤ ᠱᠠᠳᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠬ ᠵᠠᠬᠢᠷᠭᠠᠨ ᠤ ᠵᠦᠪᠰᠢᠶᠡᠷᠡᠯ ᠠᠪᠬᠤ ᠭᠤᠶᠤᠴᠢᠯᠠᠯ ᠢ ᠰᠢᠢᠳᠪᠤᠷᠢᠯᠡᠬᠦ ᠪᠠᠷ ᠬᠦᠯᠢᠶᠡᠨ ᠠᠪᠤᠭᠰᠠᠨ ᠡᠳᠦᠷ ᠠᠴᠠ ᠪᠠᠨ ᠡᠬᠢᠯᠡᠨ ᠬᠤᠷᠢᠨ ᠡᠳᠦᠷ ᠤᠨ ᠲᠤᠳᠤᠷ᠎ᠠ ᠭᠢᠨᠠᠨ ᠪᠠᠶᠢᠴᠠᠭᠠᠵᠤ ᠲᠠᠭᠤᠰᠬᠠᠬᠤ ᠭᠡᠷᠡᠭᠳᠡᠢ᠃ ᠭᠡᠪᠡᠴᠤ ᠬᠠᠤᠯᠢ ᠴᠠᠭᠠᠵᠠ᠂ ᠬᠠᠤᠯᠢ ᠲᠤᠭᠳᠠᠭᠠᠯ ᠳᠤ ᠠᠰᠳᠠᠭᠠᠨ ᠲᠤᠭᠳᠠᠭᠠᠯ ᠲᠠᠢ ᠪᠠᠶᠢᠪᠠᠯ᠂ ᠲᠡᠷᠡ ᠲᠤᠭᠳᠠᠭᠠᠯ ᠶᠤᠰᠤᠭᠠᠷ ᠬᠦᠢᠴᠡᠳᠭᠡᠨ᠎ᠠ᠃      ᠲᠦᠴᠢᠨ ᠲᠦᠷᠪᠡᠳᠦᠬᠡᠷ ᠵᠦᠢᠯ   ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠬ ᠵᠠᠬᠢᠷᠭᠠᠨ ᠤ ᠵᠦᠪᠰᠢᠶᠡᠷᠡᠯ ᠦᠭᠬᠦ ᠲᠤᠭᠳᠠᠭᠠᠯ ᠭᠠᠷᠭᠠᠪᠠᠯ᠂ ᠲᠤᠭᠳᠠᠭᠠᠯ ᠭᠠᠷᠭᠠᠭᠰᠠᠨ ᠡᠳᠦᠷ ᠠᠴᠠ ᠡᠬᠢᠯᠡᠨ ᠠᠷᠪᠠᠨ ᠡᠳᠦᠷ ᠤᠨ ᠲᠤᠳᠤᠷ᠎ᠠ ᠭᠤᠶᠤᠴᠢᠯᠠᠭᠴᠢ ᠳᠤ ᠵᠠᠰᠠᠭ ᠵᠠᠬᠢᠷᠭᠠᠨ ᠤ ᠵᠦᠪᠰᠢᠶᠡᠷᠡᠯ ᠤᠨ ᠦᠨᠡᠮᠯᠡᠯ ᠢ ᠤᠯᠭᠤᠵᠤ᠂ ᠬᠦᠷᠭᠡᠬᠦ ᠪᠤᠶᠤ ᠱᠤᠰᠢᠭ᠎ᠠ ᠬᠠᠳᠠᠵᠤ᠂ ᠰᠢᠯᠭᠠᠨ ᠪᠠᠶᠢᠴᠠᠭᠠᠯᠳᠠ᠂ ᠪᠠᠶᠢᠴᠠᠭᠠᠨ ᠬᠡᠮᠵᠢᠯᠳᠠ᠂ ᠬᠢᠵᠢᠭ ᠤᠨ ᠪᠠᠶᠢᠴᠠᠭᠠᠯᠳᠠ ᠬᠢᠭᠰᠡᠨ ᠲᠠᠮᠠᠭ᠎ᠠ ᠲᠠᠷᠤᠵᠤ ᠦᠭᠬᠦ ᠭᠡᠷᠡᠭᠳᠡᠢ᠃      ᠲᠦᠴᠢᠨ ᠲᠠᠪᠤᠳᠤᠭᠠᠷ ᠵᠦᠢᠯ   ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠬ ᠵᠠᠬᠢᠷᠭᠠᠨ ᠤ ᠵᠦᠪᠰᠢᠶᠡᠷᠡᠯ ᠤᠨ ᠲᠤᠭᠳᠠᠭᠠᠯ ᠭᠠᠷᠭᠠᠬᠤ ᠳᠠᠭᠠᠨ ᠬᠠᠤᠯᠢ ᠶᠤᠰᠤᠭᠠᠷ ᠭᠡᠷᠡᠴᠢᠯᠡᠭᠡ ᠰᠤᠨᠤᠰᠬᠤ᠂ ᠲᠠᠭᠠᠭᠠᠴᠢᠯᠠᠯᠳᠠ ᠵᠠᠷᠯᠠᠬᠤ᠂ ᠦᠨ᠎ᠠ ᠬᠠᠶᠠᠵᠤ ᠬᠤᠳᠠᠯᠳᠤᠬᠤ᠂ ᠰᠢᠯᠭᠠᠨ ᠪᠠᠶᠢᠴᠠᠭᠠᠬᠤ᠂ ᠪᠠᠶᠢᠴᠠᠭᠠᠨ ᠬᠡᠮᠵᠢᠬᠦ᠂ ᠬᠢᠵᠢᠭ ᠪᠠᠶᠢᠴᠠᠭᠠᠬᠤ᠂ ᠰᠢᠯᠭᠠᠨ ᠲᠤᠭᠳᠠᠭᠠᠬᠤ ᠪᠡ ᠲᠤᠰᠬᠠᠢ ᠮᠡᠷᠭᠡᠵᠢᠯᠳᠡᠨ ᠢᠶᠠᠷ ᠬᠢᠨᠠᠨ ᠲᠤᠭᠳᠠᠭᠠᠯᠭᠠᠬᠤ ᠴᠢᠬᠤᠯᠠᠳᠠᠢ ᠪᠠᠶᠢᠪᠠᠯ᠂ ᠭᠡᠷᠡᠭᠰᠡᠬᠦ ᠴᠠᠭ ᠢ ᠲᠤᠰ ᠬᠡᠰᠡᠭ ᠲᠤ ᠲᠤᠭᠳᠠᠭᠠᠭᠰᠠᠨ ᠬᠤᠭᠤᠴᠠᠭᠠᠨ ᠳᠤ ᠤᠷᠤᠭᠤᠯᠵᠤ ᠪᠤᠳᠤᠬᠤ ᠦᠬᠡᠢ᠃ ᠵᠠᠰᠠᠭ ᠵᠠᠬᠢᠷᠭᠠᠨ ᠤ ᠪᠠᠶᠢᠭᠤᠯᠭ᠎ᠠ ᠭᠡᠷᠡᠭᠰᠡᠬᠦ ᠴᠠᠭ ᠢ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠭᠡᠷᠡᠭᠳᠡᠢ᠃      ᠲᠦᠷᠪᠡᠳᠦᠬᠡᠷ ᠬᠡᠰᠡᠭ   ᠬᠡᠷᠡᠴᠢᠯᠡᠭᠡ ᠰᠤᠨᠤᠰᠬᠤ      ᠲᠦᠴᠢᠨ ᠵᠢᠷᠭᠤᠳᠤᠭᠠᠷ ᠵᠦᠢᠯ   ᠬᠠᠤᠯᠢ ᠴᠠᠭᠠᠵᠠ᠂ ᠬᠠᠤᠯᠢ ᠲᠤᠭᠳᠠᠭᠠᠯ᠂ ᠲᠦᠷᠢᠮ ᠲᠤᠭᠳᠠᠭᠠᠯ ᠳᠤ ᠲᠤᠭᠳᠠᠭᠠᠭᠰᠠᠨ ᠵᠠᠰᠠᠬ ᠵᠠᠬᠢᠷᠭᠠᠨ ᠤ ᠵᠦᠪᠰᠢᠶᠡᠷᠡᠯ ᠢ ᠬᠡᠷᠡᠭᠵᠢᠬᠦᠯᠬᠦ ᠳᠤ ᠭᠡᠷᠡᠴᠢᠯᠡᠭᠡ ᠰᠤᠨᠤᠰᠬᠤ ᠶᠤᠰᠤᠳᠠᠢ ᠵᠦᠢᠯ ᠤᠳ ᠪᠤᠶᠤ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠬᠡᠷᠡᠴᠢᠯᠡᠭᠡ ᠰᠤᠨᠤᠰᠬᠤ ᠴᠢᠬᠤᠯᠠᠳᠠᠢ ᠭᠡᠵᠤ ᠦᠵᠡᠭᠰᠡᠨ ᠤᠯᠠᠨ ᠨᠡᠶᠢᠳᠡ ᠶᠢᠨ ᠠᠰᠢᠭ ᠲᠤᠰᠠ ᠳᠤ ᠬᠤᠯᠪᠤᠭᠳᠠᠬᠤ ᠵᠠᠰᠠᠬ ᠵᠠᠬᠢᠷᠭᠠᠨ ᠤ ᠵᠦᠪᠰᠢᠶᠡᠷᠡᠯ ᠤᠨ ᠪᠤᠰᠤᠳ ᠴᠢᠬᠤᠯᠠ ᠶᠡᠭᠡ ᠵᠦᠢᠯ ᠤᠳ ᠢ ᠵᠠᠰᠠᠭ ᠵᠠᠬᠢᠷᠭᠠᠨ ᠤ ᠪᠠᠶᠢᠭᠤᠯᠭ᠎ᠠ ᠨᠡᠶᠢᠭᠡᠮ ᠨᠡᠶᠢᠳᠡ ᠳᠤ ᠵᠠᠷᠯᠠᠬᠤ ᠭᠡᠷᠡᠭᠳᠡᠢ ᠪᠦᠬᠡᠳ ᠭᠡᠷᠡᠴᠢᠯᠡᠭᠡ ᠰᠤᠨᠤᠰᠬᠤ ᠭᠡᠷᠡᠭᠳᠡᠢ᠃      ᠲᠦᠴᠢᠨ ᠲᠤᠯᠤᠳᠤᠭᠠᠷ ᠵᠦᠢᠯ   ᠵᠠᠰᠠᠭ ᠵᠠᠬᠢᠷᠭᠠᠨ ᠤ ᠵᠦᠪᠰᠢᠶᠡᠷᠡᠯ ᠨᠢ ᠭᠤᠶᠤᠴᠢᠯᠠᠭᠴᠢ ᠪᠤᠯᠤᠨ ᠪᠤᠰᠤᠳ ᠬᠦᠮᠦᠨ ᠤ ᠬᠤᠭᠤᠷᠤᠨᠳᠤᠬᠢ ᠴᠢᠬᠤᠯᠠ ᠶᠡᠭᠡ ᠠᠰᠢᠭ ᠲᠤᠰᠠ ᠶᠢᠨ ᠬᠠᠷᠢᠴᠠᠭᠠᠨ ᠳᠤ ᠰᠢᠭᠤᠳ ᠬᠤᠯᠪᠤᠭᠳᠠᠭᠰᠠᠨ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠬ ᠵᠠᠬᠢᠷᠭᠠᠨ ᠤ ᠵᠦᠪᠰᠢᠶᠡᠷᠡᠯ ᠤᠨ ᠲᠤᠭᠳᠠᠭᠠᠯ ᠭᠠᠷᠭᠠᠬᠤ ᠠᠴᠠ ᠪᠠᠨ ᠡᠮᠦᠨ᠎ᠠ ᠭᠤᠶᠤᠴᠢᠯᠠᠭᠴᠢ᠂ ᠠᠰᠢᠭ ᠬᠤᠤᠷ ᠤᠨ ᠬᠠᠷᠢᠴᠠᠭ᠎ᠠ ᠲᠠᠢ ᠬᠦᠮᠦᠨ ᠳᠤ ᠭᠡᠷᠡᠴᠢᠯᠡᠭᠡ ᠰᠤᠨᠤᠰᠬᠤ ᠪᠠᠷ ᠱᠠᠭᠠᠷᠳᠠᠬᠤ ᠡᠷᠭᠡ ᠲᠠᠢ ᠭᠡᠳᠡᠭ ᠢ ᠮᠡᠳᠡᠭᠳᠡᠬᠦ ᠭᠡᠷᠡᠭᠳᠡᠢ︔      ᠭᠤᠶᠤᠴᠢᠯᠠᠭᠴᠢ᠂ ᠠᠰᠢᠭ ᠬᠤᠤᠷ ᠤᠨ ᠬᠠᠷᠢᠴᠠᠭ᠎ᠠ ᠲᠠᠢ ᠬᠦᠮᠦᠨ ᠭᠡᠷᠡᠴᠢᠯᠡᠭᠡ ᠰᠤᠨᠤᠰᠬᠤ ᠡᠷᠭᠡ ᠲᠠᠢ ᠭᠡᠳᠡᠭ ᠢ ᠮᠡᠳᠡᠭᠳᠡᠭᠰᠡᠨ ᠡᠳᠦᠷ ᠠᠴᠠ ᠡᠬᠢᠯᠡᠨ ᠲᠠᠪᠤᠨ ᠡᠳᠦᠷ ᠤᠨ ᠲᠤᠳᠤᠷ᠎ᠠ ᠭᠡᠷᠡᠴᠢᠯᠡᠭᠡ ᠰᠤᠨᠤᠰᠬᠤ ᠭᠤᠶᠤᠴᠢᠯᠠᠯ ᠲᠤᠷᠠᠳᠤᠭᠰᠠᠨ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠬᠤᠷᠢᠨ ᠡᠳᠦᠷ ᠤᠨ ᠲᠤᠳᠤᠷ᠎ᠠ ᠵᠤᠬᠢᠶᠠᠨ ᠪᠠᠶᠢᠭᠤᠯᠵᠤ ᠭᠡᠷᠡᠴᠢᠯᠡᠭᠡ ᠰᠤᠨᠤᠰᠤᠭᠤᠯᠬᠤ ᠭᠡᠷᠡᠭᠳᠡᠢ᠃      ᠭᠤᠶᠤᠴᠢᠯᠠᠭᠴᠢ᠂ ᠠᠰᠢᠭ ᠬᠤᠤᠷ ᠤᠨ ᠬᠠᠷᠢᠴᠠᠭ᠎ᠠ ᠲᠠᠢ ᠬᠦᠮᠦᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠤᠬᠢᠶᠠᠨ ᠪᠠᠶᠢᠭᠤᠯᠤᠭᠰᠠᠨ ᠭᠡᠷᠡᠴᠢᠯᠡᠭᠡ ᠰᠤᠨᠤᠰᠬᠤ ᠶᠢᠨ ᠵᠠᠷᠤᠳᠠᠯ ᠢ ᠡᠬᠦᠷᠭᠡᠯᠡᠬᠦ ᠦᠬᠡᠢ᠃      ᠲᠦᠴᠢᠨ ᠨᠠᠢᠮᠠᠳᠤᠭᠠᠷ ᠵᠦᠢᠯ   ᠭᠡᠷᠡᠴᠢᠯᠡᠭᠡ ᠰᠤᠨᠤᠰᠬᠤ ᠳᠤ ᠲᠤᠤᠷ᠎ᠠ ᠵᠢᠭᠰᠠᠭᠠᠭᠰᠠᠨ ᠵᠢᠷᠤᠮ ᠶᠤᠰᠤᠭᠠᠷ ᠶᠠᠪᠤᠭᠤᠯᠬᠤ ᠭᠡᠷᠡᠭᠳᠡᠢ᠄      ︵ᠨᠢᠬᠡ︶ ᠵᠠᠰᠠᠭ ᠵᠠᠬᠢᠷᠭᠠᠨ ᠤ ᠪᠠᠶᠢᠭᠤᠯᠭ᠎ᠠ ᠭᠡᠷᠡᠴᠢᠯᠡᠭᠡ ᠰᠤᠨᠤᠰᠬᠤ ᠠᠴᠠ ᠲᠤᠯᠤᠭᠠᠨ ᠡᠳᠦᠷ ᠤᠨ ᠡᠮᠦᠨ᠎ᠠ ᠭᠡᠷᠡᠴᠢᠯᠡᠭᠡ ᠰᠤᠨᠤᠰᠬᠤ ᠴᠠᠭ᠂ ᠭᠠᠵᠠᠷ ᠢ ᠭᠤᠶᠤᠴᠢᠯᠠᠭᠴᠢ᠂ ᠠᠰᠢᠭ ᠬᠤᠤᠷ ᠤᠨ ᠬᠠᠷᠢᠴᠠᠭ᠎ᠠ ᠲᠠᠢ ᠬᠦᠮᠦᠨ ᠳᠤ ᠮᠡᠳᠡᠭᠳᠡᠵᠤ᠂ ᠴᠢᠬᠤᠯᠠᠳᠠᠢ ᠪᠤᠯ ᠤᠯᠠᠨ ᠳᠤ ᠵᠠᠷᠯᠠᠬᠤ ᠭᠡᠷᠡᠭᠳᠡᠢ︔      ︵ᠬᠤᠶᠠᠷ︶ ᠭᠡᠷᠡᠴᠢᠯᠡᠭᠡ ᠰᠤᠨᠤᠰᠬᠤ ᠶᠢ ᠢᠯᠡ ᠪᠠᠷ ᠶᠠᠪᠤᠭᠤᠯᠬᠤ ᠬᠡᠷᠡᠭᠳᠡᠢ︔      ︵ᠭᠤᠷᠪᠠ︶ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠵᠠᠬᠢᠷᠭᠠᠨ ᠤ ᠵᠦᠪᠰᠢᠶᠡᠷᠡᠯ ᠠᠪᠬᠤ ᠲᠤᠰ ᠭᠤᠶᠤᠴᠢᠯᠠᠯ ᠢ ᠬᠢᠨᠠᠨ ᠪᠠᠶᠢᠴᠠᠭᠠᠬᠤ ᠠᠵᠢᠯᠳᠠᠨ ᠠᠴᠠ ᠪᠤᠰᠤᠳ ᠬᠦᠮᠦᠨ ᠢ ᠭᠡᠷᠡᠴᠢᠯᠡᠭᠡ ᠰᠤᠨᠤᠰᠬᠤ ᠶᠢᠨ ᠬᠤᠷᠠᠯ ᠡᠷᠬᠢᠯᠡᠭᠴᠢ ᠪᠠᠷ ᠵᠢᠭᠠᠨ ᠲᠤᠭᠳᠠᠭᠠᠬᠤ ᠭᠡᠷᠡᠭᠳᠡᠢ᠂ ᠭᠤᠶᠤᠴᠢᠯᠠᠭᠴᠢ᠂ ᠠᠰᠢᠭ ᠬᠤᠤᠷ ᠤᠨ ᠬᠠᠷᠢᠴᠠᠭ᠎ᠠ ᠲᠠᠢ ᠬᠦᠮᠦᠨ ᠡᠷᠬᠢᠯᠡᠭᠴᠢ ᠶᠢ ᠲᠤᠰ ᠵᠠᠰᠠᠬ ᠵᠠᠬᠢᠷᠭᠠᠨ ᠤ ᠵᠦᠪᠰᠢᠶᠡᠷᠡᠯ ᠠᠪᠬᠤ ᠵᠦᠢᠯ ᠤᠳ ᠲᠠᠢ ᠰᠢᠭᠤᠳ ᠠᠰᠢᠭ ᠬᠤᠤᠷ ᠤᠨ ᠬᠠᠷᠢᠴᠠᠭ᠎ᠠ ᠲᠠᠢ ᠬᠡᠵᠤ ᠦᠵᠡᠪᠠᠯ᠂ ᠵᠠᠶᠢᠯᠠᠭᠤᠯᠬᠤ ᠪᠠᠷ ᠭᠤᠶᠤᠴᠢᠯᠠᠬᠤ ᠡᠷᠭᠡ ᠲᠠᠢ︔      ︵ᠲᠦᠷᠪᠡ︶ ᠭᠡᠷᠡᠴᠢᠯᠡᠭᠡ ᠰᠤᠨᠤᠰᠬᠤ ᠳᠤ᠂ ᠵᠠᠰᠠᠬ ᠵᠠᠬᠢᠷᠭᠠᠨ ᠤ ᠵᠦᠪᠰᠢᠶᠡᠷᠡᠯ ᠠᠪᠬᠤ ᠲᠤᠰ ᠭᠤᠶᠤᠴᠢᠯᠠᠯ ᠢ ᠬᠢᠨᠠᠨ ᠪᠠᠶᠢᠴᠠᠭᠠᠬᠰᠠᠨ ᠠᠵᠢᠯᠳᠠᠨ ᠬᠢᠨᠠᠨ ᠪᠠᠶᠢᠴᠠᠭᠠᠬᠰᠠᠨ ᠰᠠᠨᠠᠯ ᠤᠨ ᠢᠶᠠᠨ ᠭᠡᠷᠡᠴᠢ ᠪᠠᠷᠢᠮᠳᠠ᠂ ᠤᠴᠢᠷ ᠰᠢᠯᠳᠠᠭᠠᠨ ᠢᠶᠠᠨ ᠬᠠᠨᠭ᠍ᠭᠠᠬᠤ ᠭᠡᠷᠡᠭᠳᠡᠢ᠂ ᠭᠤᠶᠤᠴᠢᠯᠠᠭᠴᠢ᠂ ᠠᠰᠢᠭ ᠬᠤᠤᠷ ᠤᠨ ᠬᠠᠷᠢᠴᠠᠭ᠎ᠠ ᠲᠠᠢ ᠬᠦᠮᠦᠨ ᠭᠡᠷᠡᠴᠢ ᠪᠠᠷᠢᠮᠳᠠ ᠲᠤᠷᠠᠳᠴᠤ ᠪᠤᠯᠬᠤ ᠪᠦᠬᠡᠳ ᠵᠦᠪᠳᠡᠭᠡᠨ ᠲᠤᠳᠤᠷᠬᠠᠶᠢᠯᠠᠬᠤ ᠪᠡ ᠲᠤᠯᠭᠠᠨ ᠭᠡᠷᠡᠴᠢᠯᠡᠵᠤ ᠪᠤᠯᠤᠨ᠎ᠠ︔      ︵ᠲᠠᠪᠤ︶ ᠬᠡᠷᠡᠴᠢᠯᠡᠭᠡ ᠰᠤᠨᠤᠰᠬᠤ ᠳᠤ ᠲᠡᠮᠳᠡᠭᠯᠡᠯ ᠬᠢᠬᠦ ᠭᠡᠷᠡᠭᠳᠡᠢ᠂ ᠭᠡᠷᠡᠴᠢᠯᠡᠭᠡ ᠰᠤᠨᠤᠰᠤᠭᠰᠠᠨ ᠲᠡᠮᠳᠡᠭᠯᠡᠯ ᠢ ᠬᠡᠷᠡᠴᠢᠯᠡᠭᠡ ᠰᠤᠨᠤᠰᠬᠤ ᠳᠤ ᠤᠷᠤᠯᠴᠠᠭᠰᠠᠨ ᠬᠦᠮᠦᠰ ᠲᠤ ᠦᠵᠡᠬᠦᠯᠵᠤ ᠡ᠊ᠨᠳᠡᠬᠦᠦ ᠪᠤᠷᠤᠭᠤ ᠦᠬᠡᠢ ᠶᠢ ᠨᠤᠳᠠᠯᠠᠨ ᠵᠦᠪᠰᠢᠶᠡᠷᠡᠬᠦᠯᠦᠭᠰᠡᠨ ᠤ ᠲᠠᠷᠠᠭ᠎ᠠ ᠭᠠᠷ ᠤᠨ ᠦᠰᠦᠭ ᠵᠢᠷᠤᠭᠤᠯᠬᠤ ᠪᠤᠶᠤ ᠲᠠᠮᠠᠭ᠎ᠠ ᠲᠠᠷᠤᠭᠤᠯᠬᠤ ᠭᠡᠷᠡᠭᠳᠡᠢ᠃      ᠵᠠᠰᠠᠭ ᠵᠠᠬᠢᠷᠭᠠᠨ ᠤ ᠪᠠᠶᠢᠭᠤᠯᠭ᠎ᠠ ᠭᠡᠷᠡᠴᠢᠯᠡᠭᠡ ᠰᠤᠨᠤᠰᠤᠭᠰᠠᠨ ᠲᠡᠮᠳᠡᠭᠯᠡᠯ ᠢ ᠦᠨᠳᠦᠰᠦᠯᠡᠨ ᠵᠠᠰᠠᠭ ᠵᠠᠬᠢᠷᠭᠠᠨ ᠤ ᠵᠦᠪᠰᠢᠶᠡᠷᠡᠯ ᠤᠨ ᠲᠤᠭᠳᠠᠭᠠᠯ ᠭᠠᠷᠭᠠᠬᠤ ᠭᠡᠷᠡᠭᠳᠡᠢ᠃      ᠲᠠᠪᠤᠳᠤᠭᠠᠷ ᠬᠡᠰᠡᠭ   ᠬᠤᠪᠢᠷᠠᠭᠤᠯᠬᠤ ᠪᠡ ᠦᠷᠬᠦᠯᠵᠢᠯᠡᠬᠦᠯᠬᠦ      ᠲᠦᠴᠢ ᠶᠢᠰᠦᠳᠦᠬᠡᠷ ᠵᠦᠢᠯ   ᠵᠦᠪᠰᠢᠶᠡᠷᠡᠭᠳᠡᠭᠴᠢ ᠵᠠᠰᠠᠭ ᠵᠠᠬᠢᠷᠭᠠᠨ ᠤ ᠵᠦᠪᠰᠢᠶᠡᠷᠡᠯ ᠤᠨ ᠵᠦᠢᠯ ᠤᠳ ᠢ ᠬᠤᠪᠢᠷᠠᠭᠤᠯᠬᠤ ᠪᠠᠷ ᠱᠠᠭᠠᠷᠳᠠᠬᠤ ᠳᠠᠭᠠᠨ᠂ ᠵᠠᠰᠠᠭ ᠵᠠᠬᠢᠷᠭᠠᠨ ᠤ ᠵᠦᠪᠰᠢᠶᠡᠷᠡᠯ ᠤᠨ ᠲᠤᠭᠳᠠᠭᠠᠯ ᠭᠠᠷᠭᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠳᠤ ᠭᠤᠶᠤᠴᠢᠯᠠᠯ ᠭᠠᠷᠭᠠᠬᠤ ᠭᠡᠷᠡᠭᠳᠡᠢ︔ ᠬᠠᠤᠯᠢ ᠳᠤ ᠲᠤᠭᠳᠠᠭᠠᠭᠰᠠᠨ ᠨᠦᠬᠦᠴᠡᠯ᠂ ᠪᠡᠷᠢᠮᠵᠢᠶ᠎ᠠ ᠳᠤ ᠨᠡᠶᠢᠴᠡᠵᠤ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠬᠤᠪᠢᠷᠠᠭᠤᠯᠬᠤ ᠭᠠᠷ ᠬᠦᠢᠴᠡᠳᠭᠡᠯ ᠢ ᠬᠠᠤᠯᠢ ᠶᠤᠰᠤᠭᠠᠷ ᠬᠢᠵᠤ ᠦᠭᠬᠦ ᠬᠡᠷᠡᠭᠳᠡᠢ      ᠲᠠᠪᠢᠳᠤᠭᠠᠷ ᠵᠦᠢᠯ   ᠵᠦᠪᠰᠢᠶᠡᠷᠡᠭᠳᠡᠭᠴᠢ ᠬᠠᠤᠯᠢ ᠶᠤᠰᠤᠭᠠᠷ ᠤᠯᠤᠭᠰᠠᠨ ᠵᠠᠰᠠᠬ ᠵᠠᠬᠢᠷᠭᠠᠨ ᠤ ᠵᠦᠪᠰᠢᠶᠡᠷᠡᠯ ᠤᠨ ᠬᠦᠴᠦᠨ ᠲᠠᠢ ᠬᠤᠭᠤᠴᠠᠭ᠎ᠠ ᠶᠢ ᠤᠷᠳᠤᠳᠬᠠᠬᠤ ᠴᠢᠬᠤᠯᠠᠳᠠᠢ ᠪᠠᠶᠢᠪᠠᠯ᠂ ᠲᠤᠰ ᠵᠠᠰᠠᠭ ᠵᠠᠬᠢᠷᠭᠠᠨ ᠤ ᠵᠦᠪᠰᠢᠶᠡᠷᠡᠯ ᠤᠨ ᠬᠦᠴᠦᠨ ᠲᠠᠢ ᠬᠤᠭᠤᠴᠠᠭ᠎ᠠ ᠲᠠᠭᠤᠰᠬᠤ ᠠᠴᠠ ᠭᠤᠴᠢᠨ ᠡᠳᠦᠷ ᠤᠨ ᠡᠮᠦᠨ᠎ᠠ ᠵᠠᠰᠠᠭ ᠵᠠᠬᠢᠷᠭᠠᠨ ᠤ ᠵᠦᠪᠰᠢᠶᠡᠷᠡᠯ ᠤᠨ ᠲᠤᠭᠳᠠᠭᠠᠯ ᠭᠠᠷᠭᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠳᠤ ᠭᠤᠶᠤᠴᠢᠯᠠᠯ ᠭᠠᠷᠭᠠᠬᠤ ᠭᠡᠷᠡᠭᠳᠡᠢ᠃ ᠭᠡᠪᠡᠴᠤ ᠬᠠᠤᠯᠢ ᠴᠠᠭᠠᠵᠠ ᠂ ᠬᠠᠤᠯᠢ ᠲᠤᠭᠳᠠᠭᠠᠯ᠂ ᠲᠦᠷᠢᠮ ᠲᠤᠭᠳᠠᠭᠠᠯ ᠳᠤ ᠠᠰᠳᠠᠭᠠᠨ ᠲᠤᠭᠳᠠᠭᠠᠯ ᠲᠠᠢ ᠪᠠᠶᠢᠪᠠᠯ᠂ ᠲᠡᠷᠡ ᠲᠤᠭᠳᠠᠭᠠᠯ ᠶᠤᠰᠤᠭᠠᠷ ᠬᠦᠢᠴᠡᠳᠭᠡᠨ᠎ᠠ᠃      ᠵᠠᠰᠠᠭ ᠵᠠᠬᠢᠷᠭᠠᠨ ᠤ ᠪᠠᠶᠢᠭᠤᠯᠭ᠎ᠠ ᠵᠦᠪᠰᠢᠶᠡᠷᠡᠭᠳᠡᠭᠴᠢ ᠶᠢᠨ ᠭᠤᠶᠤᠴᠢᠯᠠᠯ ᠢ ᠦᠨᠳᠦᠰᠦᠯᠡᠨ᠂ ᠲᠤᠰ ᠵᠠᠰᠠᠭ ᠵᠠᠬᠢᠷᠭᠠᠨ ᠤ ᠵᠦᠪᠰᠢᠶᠡᠷᠡᠯ ᠤᠨ ᠬᠦᠴᠦᠨ ᠲᠠᠢ ᠬᠤᠭᠤᠴᠠᠭ᠎ᠠ ᠲᠠᠭᠤᠰᠬᠤ ᠠᠴᠠ ᠡᠮᠦᠨ᠎ᠠ ᠤᠷᠳᠤᠳᠬᠠᠬᠤ ᠶᠢ ᠵᠦᠪᠰᠢᠶᠡᠷᠡᠬᠦ ᠡᠰᠡᠬᠦ ᠲᠤᠬᠠᠢ ᠲᠤᠭᠳᠠᠭᠠᠯ ᠭᠠᠷᠭᠠᠬᠤ ᠭᠡᠷᠡᠭᠳᠡᠢ︔ ᠬᠤᠭᠤᠴᠠᠭ᠎ᠠ ᠭᠡᠳᠦᠷᠡᠳᠠᠯ᠎ᠠ ᠲᠤᠭᠳᠠᠭᠠᠯ ᠭᠠᠷᠭᠠᠭᠰᠠᠨ ᠦᠬᠡᠢ ᠪᠠᠶᠢᠪᠠᠯ᠂ ᠤᠷᠳᠤᠳᠬᠠᠬᠤ ᠶᠢ ᠵᠦᠪᠰᠢᠶᠡᠷᠡᠭᠰᠡᠨ ᠢᠶᠠᠷ ᠪᠤᠳᠤᠨ᠎ᠠ᠃      ᠵᠢᠷᠭᠤᠳᠤᠭᠠᠷ ᠬᠡᠰᠡᠭ   ᠤᠨᠴᠠᠭᠠᠢ ᠲᠤᠭᠳᠠᠭᠠᠯ      ᠲᠠᠪᠢᠨ ᠨᠢᠭᠡᠳᠦᠬᠡᠷ ᠵᠦᠢᠯ   ᠵᠠᠰᠠᠭ ᠵᠠᠬᠢᠷᠭᠠᠨ ᠤ ᠵᠦᠪᠰᠢᠶᠡᠷᠡᠯ ᠢ ᠭᠡᠷᠡᠭᠵᠢᠬᠦᠯᠬᠦ ᠵᠢᠷᠤᠮ ᠤᠨ ᠲᠤᠬᠠᠢ ᠲᠤᠰ ᠭᠡᠰᠡᠭ ᠲᠤ ᠲᠤᠭᠳᠠᠭᠠᠭᠰᠠᠨ ᠪᠠᠶᠢᠪᠠᠯ᠂ ᠲᠤᠰ ᠭᠡᠰᠡᠭ ᠤᠨ ᠲᠤᠭᠳᠠᠭᠠᠯ ᠢ ᠬᠡᠷᠡᠭᠯᠡᠨ᠎ᠠ︔ ᠲᠤᠰ ᠭᠡᠰᠡᠭ ᠲᠤ ᠲᠤᠭᠳᠠᠭᠠᠭᠰᠠᠨ ᠦᠬᠡᠢ ᠪᠠᠶᠢᠪᠠᠯ᠂ ᠲᠤᠰ ᠪᠦᠯᠦᠭ ᠤᠨ ᠬᠤᠯᠪᠤᠭᠳᠠᠯ ᠪᠦᠬᠦᠢ ᠪᠤᠰᠤᠳ ᠲᠤᠭᠳᠠᠭᠠᠯ ᠢ ᠭᠡᠷᠡᠭᠯᠡᠨ᠎ᠠ᠃      ᠲᠠᠪᠢᠨ ᠬᠤᠶᠠᠳᠤᠭᠠᠷ ᠵᠦᠢᠯ   ᠲᠦᠷᠦ ᠶᠢᠨ ᠶᠠᠪᠤᠳᠠᠯ ᠤᠨ ᠬᠤᠷᠢᠶᠠᠨ ᠤ ᠵᠠᠰᠠᠭ ᠵᠠᠬᠢᠷᠭᠠᠨ ᠤ ᠵᠦᠪᠰᠢᠶᠡᠷᠡᠯ ᠢ ᠭᠡᠷᠡᠭᠵᠢᠬᠦᠯᠬᠦ ᠵᠢᠷᠤᠮ ᠳᠤ ᠬᠤᠯᠪᠤᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠤᠨ ᠲᠤᠭᠳᠠᠭᠠᠯ ᠢ ᠭᠡᠷᠡᠭᠯᠡᠨ᠎ᠠ᠃      ᠲᠠᠪᠢᠨ ᠭᠤᠷᠪᠠᠳᠤᠭᠠᠷ ᠵᠦᠢᠯ   ᠲᠤᠰ ᠬᠠᠤᠯᠢ ᠶᠢᠨ ᠠᠷᠪᠠᠨ ᠬᠤᠶᠠᠳᠤᠭᠠᠷ ᠵᠦᠢᠯ ᠤᠨ ᠬᠤᠶᠠᠳᠤᠭᠠᠷ ᠵᠤᠷᠪᠤᠰ ᠲᠤ ᠵᠢᠭᠰᠠᠭᠠᠭᠰᠠᠨ ᠵᠦᠢᠯ ᠤᠳ ᠤᠨ ᠵᠠᠰᠠᠭ ᠵᠠᠬᠢᠷᠭᠠᠨ ᠤ ᠵᠦᠪᠰᠢᠶᠡᠷᠡᠯ ᠢ ᠭᠡᠷᠡᠭᠵᠢᠬᠦᠯᠬᠦ ᠳᠤ᠂ ᠵᠠᠰᠠᠭ ᠵᠠᠬᠢᠷᠭᠠᠨ ᠤ ᠪᠠᠶᠢᠭᠤᠯᠭ᠎ᠠ ᠲᠠᠭᠠᠭᠠᠴᠢᠯᠠᠯᠳᠠ ᠵᠠᠷᠯᠠᠬᠤ᠂ ᠦᠨ᠎ᠠ ᠬᠠᠶᠠᠵᠤ ᠬᠤᠳᠠᠯᠳᠤᠬᠤ ᠵᠡᠷᠭᠡ ᠭᠤᠤᠯᠴᠢ ᠦᠷᠢᠰᠦᠯᠳᠦᠬᠡᠨ ᠤ ᠠᠷᠭ᠎ᠠ ᠮᠠᠶ᠋ᠢᠭ ᠢᠶᠠᠷ ᠲᠠᠮᠵᠢᠭᠤᠯᠵᠤ ᠲᠤᠭᠳᠠᠭᠠᠯ ᠭᠠᠷᠭᠠᠬᠤ ᠭᠡᠷᠡᠭᠳᠡᠢ᠃ ᠭᠡᠪᠡᠴᠤ ᠬᠠᠤᠯᠢ ᠴᠠᠭᠠᠵᠠ᠂ ᠬᠠᠤᠯᠢ ᠲᠤᠭᠳᠠᠭᠠᠯ ᠳᠤ ᠠᠰᠳᠠᠭᠠᠨ ᠲᠤᠭᠳᠠᠭᠠᠯ ᠲᠠᠢ ᠪᠠᠶᠢᠪᠠᠯ᠂ ᠲᠡᠷᠡ ᠲᠤᠭᠳᠠᠭᠠᠯ ᠶᠤᠰᠤᠭᠠᠷ ᠬᠦᠢᠴᠡᠳᠭᠡᠨ᠎ᠠ᠃      ᠵᠠᠰᠠᠭ ᠵᠠᠬᠢᠷᠭᠠᠨ ᠤ ᠪᠠᠶᠢᠭᠤᠯᠭ᠎ᠠ ᠲᠠᠭᠠᠭᠠᠴᠢᠯᠠᠯᠳᠠ ᠵᠠᠷᠯᠠᠬᠤ᠂ ᠦᠨ᠎ᠠ ᠬᠠᠶᠠᠵᠤ ᠬᠤᠳᠠᠯᠳᠤᠬᠤ ᠵᠡᠷᠭᠡ ᠠᠷᠭ᠎ᠠ ᠮᠠᠶ᠋ᠢᠭ ᠢᠶᠠᠷ ᠲᠠᠮᠵᠢᠭᠤᠯᠵᠤ ᠵᠠᠰᠠᠭ ᠵᠠᠬᠢᠷᠭᠠᠨ ᠤ ᠵᠦᠪᠰᠢᠶᠡᠷᠡᠯ ᠤᠨ ᠲᠤᠭᠳᠠᠭᠠᠯ ᠭᠠᠷᠭᠠᠬᠤ ᠪᠤᠳᠠᠳᠠᠢ ᠵᠢᠷᠤᠮ ᠢ ᠬᠤᠯᠪᠤᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠤᠨ ᠲᠤᠭᠳᠠᠭᠠᠯ ᠶᠤᠰᠤᠭᠠᠷ ᠬᠦᠢᠴᠡᠳᠭᠡᠨ᠎ᠠ᠃      ᠵᠠᠰᠠᠭ ᠵᠠᠬᠢᠷᠭᠠᠨ ᠤ ᠪᠠᠶᠢᠭᠤᠯᠭ᠎ᠠ ᠲᠠᠭᠠᠭᠠᠴᠢᠯᠠᠯᠳᠠ ᠵᠠᠷᠯᠠᠬᠤ᠂ ᠦᠨ᠎ᠠ ᠬᠠᠶᠠᠵᠤ ᠬᠤᠳᠠᠯᠳᠤᠬᠤ ᠵᠢᠷᠤᠮ ᠶᠤᠰᠤᠭᠠᠷ ᠲᠠᠭᠠᠭᠠᠴᠢᠯᠠᠭᠴᠢ᠂ ᠬᠤᠳᠠᠯᠳᠤᠨ ᠠᠪᠤᠭᠴᠢ ᠶᠢ ᠲᠤᠭᠳᠠᠭᠠᠭᠰᠠᠨ ᠤ ᠲᠠᠷᠠᠭ᠎ᠠ᠂ ᠵᠠᠰᠠᠭ ᠵᠠᠬᠢᠷᠭᠠᠨ ᠤ ᠵᠦᠪᠰᠢᠶᠡᠷᠡᠯ ᠦᠭᠬᠦ ᠲᠤᠭᠳᠠᠭᠠᠯ ᠭᠠᠷᠭᠠᠬᠤ ᠭᠡᠷᠡᠭᠳᠡᠢ ᠪᠦᠬᠡᠳ ᠲᠠᠭᠠᠭᠠᠴᠢᠯᠠᠭᠴᠢ᠂ ᠬᠤᠳᠠᠯᠳᠤᠨ ᠠᠪᠤᠭᠴᠢ ᠳᠤ ᠬᠠᠤᠯᠢ ᠶᠤᠰᠤᠭᠠᠷ ᠵᠠᠰᠠᠭ ᠵᠠᠬᠢᠷᠭᠠᠨ ᠤ ᠵᠦᠪᠰᠢᠶᠡᠷᠡᠯ ᠤᠨ ᠦᠨᠡᠮᠯᠡᠯ ᠤᠯᠭᠤᠬᠤ ᠭᠡᠷᠡᠭᠳᠡᠢ᠃      ᠵᠠᠰᠠᠭ ᠵᠠᠬᠢᠷᠭᠠᠨ ᠤ ᠪᠠᠶᠢᠭᠤᠯᠭ᠎ᠠ ᠲᠤᠰ ᠵᠦᠢᠯ ᠤᠨ ᠲᠤᠭᠳᠠᠭᠠᠯ ᠢ ᠵᠦᠷᠢᠴᠡᠵᠤ᠂ ᠲᠠᠭᠠᠭᠠᠴᠢᠯᠠᠯᠳᠠ ᠵᠠᠷᠯᠠᠬᠤ᠂ ᠦᠨ᠎ᠠ ᠬᠠᠶᠠᠵᠤ ᠬᠤᠳᠠᠯᠳᠤᠬᠤ ᠠᠷᠭ᠎ᠠ ᠮᠠᠶ᠋ᠢᠭ ᠢ ᠠᠪᠬᠤ ᠦᠬᠡᠢ ᠪᠤᠶᠤ ᠲᠠᠭᠠᠭᠠᠴᠢᠯᠠᠯᠳᠠ ᠵᠠᠷᠯᠠᠬᠤ᠂ ᠦᠨ᠎ᠠ ᠬᠠᠶᠠᠵᠤ ᠬᠤᠳᠠᠯᠳᠤᠬᠤ ᠵᠢᠷᠤᠮ ᠢ ᠵᠦᠷᠢᠴᠡᠨ᠂ ᠭᠤᠶᠤᠴᠢᠯᠠᠭᠴᠢ ᠶᠢᠨ ᠬᠠᠤᠯᠢ ᠶᠤᠰᠤᠨ ᠤ ᠡᠷᠭᠡ ᠠᠰᠢᠭ ᠢ ᠬᠤᠬᠢᠷᠠᠭᠤᠯᠤᠭᠰᠠᠨ ᠪᠠᠶᠢᠪᠠᠯ᠂ ᠭᠤᠶᠤᠴᠢᠯᠠᠭᠴᠢ ᠬᠠᠤᠯᠢ ᠶᠤᠰᠤᠭᠠᠷ ᠵᠠᠰᠠᠬ ᠵᠠᠬᠢᠷᠭᠠᠨ ᠢᠶᠠᠷ ᠲᠠᠪᠳᠠᠨ ᠶᠡᠷᠢᠯᠴᠠᠭᠤᠯᠬᠤ ᠪᠠᠷ ᠭᠤᠶᠤᠴᠢᠯᠠᠬᠤ ᠪᠤᠶᠤ ᠵᠠᠰᠠᠭ ᠵᠠᠬᠢᠷᠭᠠᠨ ᠤ ᠵᠠᠭᠠᠯᠳᠤᠯᠭ᠎ᠠ ᠬᠢᠵᠤ ᠪᠤᠯᠤᠨ᠎ᠠ᠃      ᠲᠠᠪᠢᠨ ᠲᠦᠷᠪᠡᠳᠦᠬᠡᠷ ᠵᠦᠢᠯ   ᠲᠤᠰ ᠬᠠᠤᠯᠢ ᠶᠢᠨ ᠠᠷᠪᠠᠨ ᠬᠤᠶᠠᠳᠤᠭᠠᠷ ᠵᠦᠢᠯ ᠤᠨ ᠭᠤᠷᠪᠠᠳᠤᠭᠠᠷ ᠵᠤᠷᠪᠤᠰ ᠲᠤ ᠵᠢᠭᠰᠠᠭᠠᠭᠰᠠᠨ ᠵᠦᠢᠯ ᠤᠳ ᠤᠨ ᠵᠠᠰᠠᠭ ᠵᠠᠬᠢᠷᠭᠠᠨ ᠤ ᠵᠦᠪᠰᠢᠶᠡᠷᠡᠯ ᠢ ᠬᠡᠷᠡᠭᠵᠢᠬᠦᠯᠵᠤ᠂ ᠠᠷᠠᠳ ᠢᠷᠭᠡᠨ ᠳᠤ ᠲᠤᠰᠬᠠᠢ ᠬᠢᠷᠢ ᠭᠡᠮ ᠤᠯᠭᠤᠬᠤ ᠳᠤ ᠬᠠᠤᠯᠢ ᠶᠤᠰᠤᠭᠠᠷ ᠤᠯᠤᠰ ᠤᠨ ᠰᠢᠯᠭᠠᠯᠳᠠ ᠬᠢᠬᠦ ᠴᠢᠬᠤᠯᠠᠳᠠᠢ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠰᠢᠯᠭᠠᠯᠳᠠ ᠶᠢᠨ ᠬᠢᠷᠢ ᠪᠦᠳᠦᠮᠵᠢ ᠪᠠ ᠬᠠᠤᠯᠢ ᠳᠤ ᠲᠤᠭᠳᠠᠭᠠᠭᠰᠠᠨ ᠪᠤᠰᠤᠳ ᠨᠦᠬᠦᠴᠡᠯ ᠢ ᠦᠨᠳᠦᠰᠦᠯᠡᠨ ᠵᠠᠰᠠᠭ ᠵᠠᠬᠢᠷᠭᠠᠨ ᠤ ᠵᠦᠪᠰᠢᠶᠡᠷᠡᠯ ᠤᠨ ᠲᠤᠭᠳᠠᠭᠠᠯ ᠭᠠᠷᠭᠠᠨ᠎ᠡ︔ ᠬᠠᠤᠯᠢ ᠶᠢᠨ ᠬᠦᠮᠦᠨ ᠪᠤᠶᠤ ᠪᠤᠰᠤᠳ ᠵᠤᠬᠢᠶᠠᠨ ᠪᠠᠶᠢᠭᠤᠯᠤᠯᠳᠠ ᠳᠤ ᠲᠤᠰᠬᠠᠢ ᠬᠢᠷᠢ ᠬᠡᠮ᠂ ᠬᠢᠷᠢ ᠴᠢᠳᠠᠯ ᠤᠯᠭᠤᠬᠤ ᠳᠤ ᠵᠠᠰᠠᠭ ᠵᠠᠬᠢᠷᠭᠠᠨ ᠤ ᠪᠠᠶᠢᠭᠤᠯᠭ᠎ᠠ ᠭᠤᠶᠤᠴᠢᠯᠠᠭᠴᠢ ᠶᠢᠨ ᠲᠤᠰᠬᠠᠢ ᠮᠡᠷᠬᠡᠵᠢᠯ ᠤᠨ ᠠᠵᠢᠯᠳᠠᠨ ᠤ ᠪᠦᠷᠢᠯᠳᠦᠴᠡ᠂ ᠮᠡᠷᠭᠡᠵᠢᠯ ᠤᠨ ᠨᠦᠬᠦᠴᠡᠯ᠂ ᠡᠵᠡᠩᠨᠡᠯᠳᠡ ᠶᠢᠨ ᠠᠮᠵᠢᠯᠳᠠ ᠪᠦᠲᠦᠮᠵᠢ ᠪᠠ ᠬᠠᠮᠢᠶᠠᠷᠤᠯᠳᠠ ᠶᠢᠨ ᠬᠢᠷᠢ ᠬᠡᠮᠵᠢᠶ᠎ᠠ ᠵᠡᠷᠭᠡ ᠶᠢ ᠬᠢᠨᠠᠨ ᠰᠢᠯᠭᠠᠭᠰᠠᠨ ᠦᠷ᠎ᠠ ᠳ᠋ᠦᠩ ᠢ ᠦᠨᠳᠦᠰᠦᠯᠡᠨ ᠵᠠᠰᠠᠭ ᠵᠠᠬᠢᠷᠭᠠᠨ ᠤ ᠵᠦᠪᠰᠢᠶᠡᠷᠡᠯ ᠤᠨ ᠲᠤᠭᠳᠠᠭᠠᠯ ᠭᠠᠷᠭᠠᠨ᠎ᠡ᠃ ᠭᠡᠪᠡᠴᠤ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠳᠤ ᠠᠰᠳᠠᠭᠠᠨ ᠲᠤᠭᠳᠠᠭᠠᠯ ᠲᠠᠢ ᠪᠠᠶᠢᠪᠠᠯ᠂ ᠲᠡᠷᠡ ᠲᠤᠭᠳᠠᠭᠠᠯ ᠶᠤᠰᠤᠭᠠᠷ ᠬᠦᠢᠴᠡᠳᠭᠡᠨ᠎ᠠ᠃      ᠠᠷᠠᠳ ᠢᠷᠭᠡᠨ ᠤ ᠲᠤᠰᠬᠠᠢ ᠬᠢᠷᠢ ᠬᠡᠮ ᠤᠨ ᠰᠢᠯᠭᠠᠯᠳᠠ ᠶᠢ ᠬᠠᠤᠯᠢ ᠶᠤᠰᠤᠭᠠᠷ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠠᠵᠢᠯ ᠲᠦᠷᠦᠯ ᠤᠨ ᠵᠤᠬᠢᠶᠠᠨ ᠪᠠᠶᠢᠭᠤᠯᠤᠯᠳᠠ ᠠᠴᠠ ᠭᠡᠷᠡᠭᠵᠢᠬᠦᠯᠬᠦ ᠪᠦᠬᠡᠳ ᠢᠯᠡ ᠪᠠᠷ ᠶᠠᠪᠤᠭᠤᠯᠤᠨ᠎ᠠ᠃ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠠᠵᠢᠯ ᠲᠦᠷᠦᠯ ᠤᠨ ᠵᠤᠬᠢᠶᠠᠨ ᠪᠠᠶᠢᠭᠤᠯᠤᠯᠳᠠ ᠬᠢᠷᠢ ᠬᠡᠮ ᠤᠨ ᠰᠢᠯᠭᠠᠯᠳᠠ ᠶᠢᠨ ᠨᠡᠷ᠎ᠠ ᠮᠡᠳᠡᠬᠦᠯᠬᠦ ᠨᠦᠬᠦᠴᠡᠯ᠂ ᠨᠡᠷ᠎ᠠ ᠮᠡᠳᠡᠬᠦᠯᠬᠦ ᠠᠷᠭ᠎ᠠ᠂ ᠰᠢᠯᠭᠠᠯᠳᠠ ᠶᠢᠨ ᠬᠢᠴᠢᠶᠡᠯ ᠲᠦᠷᠦᠯ ᠵᠢᠴᠢ ᠰᠢᠯᠭᠠᠯᠳᠠ ᠶᠢᠨ ᠬᠦᠳᠦᠯᠪᠤᠷᠢ ᠶᠢ ᠤᠷᠢᠳᠴᠢᠯᠠᠨ ᠨᠡᠶᠢᠳᠡᠯᠡᠬᠦ ᠬᠡᠷᠡᠭᠳᠡᠢ᠃ ᠭᠡᠪᠡᠴᠤ ᠬᠢᠷᠢ ᠬᠡᠮ ᠤᠨ ᠰᠢᠯᠭᠠᠯᠳᠠ ᠶᠢᠨ ᠰᠢᠯᠭᠠᠯᠳᠠ ᠠᠴᠠ ᠡᠮᠦᠨᠡᠬᠢ ᠠᠯᠪᠠᠳᠠᠯᠭ᠎ᠠ ᠶᠢᠨ ᠴᠢᠨᠠᠷᠳᠠᠢ ᠪᠤᠯᠪᠠᠰᠤᠷᠠᠭᠤᠯᠤᠯ ᠢ ᠵᠤᠬᠢᠶᠠᠨ ᠪᠠᠶᠢᠭᠤᠯᠵᠤ ᠪᠤᠯᠬᠤ ᠦᠬᠡᠢ᠂ ᠵᠢᠭᠠᠬᠤ ᠮᠠᠲ᠋ᠧᠷᠢᠶᠠᠯ ᠪᠤᠶᠤ ᠰᠢᠯᠭᠠᠯᠳᠠ ᠶᠢᠨ ᠲᠤᠰᠠᠯᠠᠮᠵᠢ ᠶᠢᠨ ᠪᠤᠰᠤᠳ ᠮᠠᠲ᠋ᠧᠷᠢᠶᠠᠯ ᠢ ᠵᠢᠭᠠᠨ ᠲᠤᠭᠳᠠᠭᠠᠵᠤ ᠪᠤᠯᠬᠤ ᠦᠬᠡᠢ᠃      ᠲᠠᠪᠢᠨ ᠲᠠᠪᠤᠳᠤᠭᠠᠷ ᠵᠦᠢᠯ   ᠲᠤᠰ ᠬᠠᠤᠯᠢ ᠶᠢᠨ ᠠᠷᠪᠠᠨ ᠬᠤᠶᠠᠳᠤᠭᠠᠷ ᠵᠦᠢᠯ ᠤᠨ ᠲᠦᠷᠪᠡᠳᠦᠭᠡᠷ ᠵᠤᠷᠪᠤᠰ ᠲᠤ ᠵᠢᠭᠰᠠᠭᠠᠭᠰᠠᠨ ᠵᠦᠢᠯ ᠤᠳ ᠤᠨ ᠵᠠᠰᠠᠭ ᠵᠠᠬᠢᠷᠭᠠᠨ ᠤ ᠵᠦᠪᠰᠢᠶᠡᠷᠡᠯ ᠢ ᠬᠡᠷᠡᠭᠵᠢᠬᠦᠯᠬᠦ ᠳᠤ ᠮᠡᠷᠭᠡᠵᠢᠯ ᠤᠨ ᠪᠠᠷᠢᠮᠵᠢᠶ᠎ᠠ᠂ ᠮᠡᠷᠭᠡᠵᠢᠯ ᠤᠨ ᠲᠦᠷᠢᠮᠵᠢᠯ ᠢ ᠦᠨᠳᠦᠰᠦᠯᠡᠵᠤ ᠬᠠᠤᠯᠢ ᠶᠤᠰᠤᠭᠠᠷ ᠰᠢᠯᠭᠠᠨ ᠪᠠᠶᠢᠴᠠᠭᠠᠯᠳᠠ᠂ ᠪᠠᠶᠢᠴᠠᠭᠠᠨ ᠬᠡᠮᠵᠢᠯᠲᠡ᠂ ᠬᠢᠵᠢᠭ ᠤᠨ ᠪᠠᠶᠢᠴᠠᠭᠠᠯᠳᠠ ᠬᠢᠬᠦ ᠬᠡᠷᠡᠭᠳᠡᠢ᠂ ᠵᠠᠰᠠᠭ ᠵᠠᠬᠢᠷᠭᠠᠨ ᠤ ᠪᠠᠶᠢᠭᠤᠯᠭ᠎ᠠ ᠰᠢᠯᠭᠠᠨ ᠪᠠᠶᠢᠴᠠᠭᠠᠵᠤ᠂ ᠪᠠᠶᠢᠴᠠᠭᠠᠨ ᠭᠡᠮᠵᠢᠵᠦ᠂ ᠬᠢᠵᠢᠭ ᠪᠠᠶᠢᠴᠠᠭᠠᠭᠰᠠᠨ ᠦᠷ᠎ᠠ ᠳ᠋ᠦᠩ ᠢ ᠦᠨᠳᠦᠰᠦᠯᠡᠨ ᠵᠠᠰᠠᠭ ᠵᠠᠬᠢᠷᠭᠠᠨ ᠤ ᠲᠤᠭᠳᠠᠭᠠᠯ ᠭᠠᠷᠭᠠᠬᠤ ᠭᠡᠷᠡᠭᠳᠡᠢ᠃      ᠵᠠᠰᠠᠭ ᠵᠠᠬᠢᠷᠭᠠᠨ ᠤ ᠪᠠᠶᠢᠭᠤᠯᠭ᠎ᠠ ᠰᠢᠯᠭᠠᠨ ᠪᠠᠶᠢᠴᠠᠭᠠᠯᠳᠠ᠂ ᠪᠠᠶᠢᠴᠠᠭᠠᠨ ᠬᠡᠮᠵᠢᠯᠳᠡ᠂ ᠬᠢᠵᠢᠭ ᠤᠨ ᠪᠠᠶᠢᠴᠠᠭᠠᠯᠳᠠ ᠬᠢᠬᠦ  ᠳᠡᠭᠡᠨ᠂ ᠭᠤᠶᠤᠴᠢᠯᠠᠯ ᠢ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ ᠡᠳᠦᠷ ᠠᠴᠠ ᠡᠬᠢᠯᠡᠨ ᠲᠠᠪᠤᠨ ᠡᠳᠦᠷ ᠤᠨ ᠲᠤᠳᠤᠷ᠎ᠠ ᠬᠤᠶᠠᠷ ᠠᠴᠠ ᠲᠡᠭᠡᠭᠰᠢ ᠠᠵᠢᠯᠳᠠᠨ ᠢ ᠲᠤᠮᠢᠯᠠᠵᠤ ᠮᠡᠷᠭᠡᠵᠢᠯ ᠤᠨ ᠪᠠᠷᠢᠮᠵᠢᠶ᠎ᠠ᠂ ᠮᠡᠷᠭᠡᠵᠢᠯ ᠤᠨ ᠲᠦᠷᠢᠮᠵᠢᠯ ᠶᠤᠰᠤᠭᠠᠷ ᠰᠢᠯᠭᠠᠨ ᠪᠠᠶᠢᠴᠠᠭᠠᠯᠳᠠ᠂ ᠪᠠᠶᠢᠴᠠᠭᠠᠠ ᠬᠡᠮᠵᠢᠯᠲᠡ᠂ ᠬᠢᠵᠢᠭ ᠤᠨ ᠪᠠᠶᠢᠴᠠᠭᠠᠯᠳᠠ ᠬᠢᠬᠦ ᠬᠡᠷᠡᠭᠳᠡᠢ᠃ ᠰᠢᠯᠭᠠᠨ ᠪᠠᠶᠢᠴᠠᠭᠠᠵᠤ᠂ ᠪᠠᠶᠢᠴᠠᠭᠠᠨ ᠬᠡᠮᠵᠢᠵᠦ᠂ ᠬᠢᠵᠢᠭ ᠪᠠᠶᠢᠴᠠᠭᠠᠭᠰᠠᠨ ᠦᠷ᠎ᠠ ᠳ᠋ᠦᠩ ᠳᠤ ᠤᠯᠠᠮ ᠨᠢᠬᠡ ᠠᠯᠬᠤᠮ ᠮᠡᠷᠭᠡᠵᠢᠯ ᠤᠨ ᠵᠠᠳᠠᠯᠤᠯᠳᠠ ᠬᠢᠬᠦ ᠦᠬᠡᠢ ᠪᠠᠷ ᠲᠤᠨᠤᠭ ᠲᠦᠬᠦᠬᠡᠷᠦᠮᠵᠢ᠂ ᠪᠡᠯᠡᠳᠭᠡᠮᠵᠢ᠂ ᠦᠢᠯᠡᠳᠬᠦᠨ᠂ ᠡᠳ᠋ ᠪᠤᠳᠠᠰ ᠤᠨ ᠮᠡᠷᠭᠡᠵᠢᠯ ᠤᠨ ᠪᠡᠷᠢᠮᠵᠢᠶ᠎ᠠ᠂ ᠮᠡᠷᠭᠡᠵᠢᠯ ᠤᠨ ᠲᠦᠷᠢᠮᠵᠢᠯ ᠳᠤ ᠨᠡᠶᠢᠴᠡᠬᠦ ᠡᠰᠡᠬᠦ ᠶᠢ ᠮᠠᠭᠠᠳᠯᠠᠵᠤ ᠴᠢᠳᠠᠬᠤ ᠳᠤ ᠬᠦᠷᠪᠡᠯ᠂ ᠵᠠᠰᠠᠭ ᠵᠠᠬᠢᠷᠭᠠᠨ ᠤ ᠪᠠᠶᠢᠭᠤᠯᠭ᠎ᠠ ᠲᠤᠬᠠᠢ ᠶᠢᠨ ᠭᠠᠵᠠᠷ ᠲᠤᠨᠢ ᠵᠠᠰᠠᠭ ᠵᠠᠬᠢᠷᠭᠠᠨ ᠤ ᠵᠦᠪᠰᠢᠶᠡᠷᠡᠯ ᠤᠨ ᠲᠤᠭᠳᠠᠭᠠᠯ ᠭᠠᠷᠭᠠᠬᠤ ᠭᠡᠷᠡᠭᠳᠡᠢ᠃      ᠵᠠᠰᠠᠭ ᠵᠠᠬᠢᠷᠭᠠᠨ ᠤ ᠪᠠᠶᠢᠭᠤᠯᠭ᠎ᠠ ᠰᠢᠯᠭᠠᠨ ᠪᠠᠶᠢᠴᠠᠭᠠᠯᠳᠠ᠂ ᠪᠠᠶᠢᠴᠠᠭᠠᠨ ᠬᠡᠮᠵᠢᠯᠳᠠ᠂ ᠬᠢᠵᠢᠭ ᠤᠨ ᠪᠠᠶᠢᠴᠠᠭᠠᠯᠳᠠ ᠶᠢᠨ ᠦᠷ᠎ᠠ ᠳ᠋ᠦᠩ ᠢ ᠦᠨᠳᠦᠰᠦᠯᠡᠨ ᠵᠠᠰᠠᠭ ᠵᠠᠬᠢᠷᠭᠠᠨ ᠤ ᠵᠦᠪᠰᠢᠶᠡᠷᠡᠯ ᠦᠯᠦ ᠦᠭᠬᠦ ᠲᠤᠭᠳᠠᠭᠠᠯ ᠭᠠᠷᠭᠠᠭᠰᠠᠨ ᠪᠠᠶᠢᠪᠠᠯ᠂ ᠵᠠᠰᠠᠭ ᠵᠠᠬᠢᠷᠭᠠᠨ ᠤ ᠵᠦᠪᠰᠢᠶᠡᠷᠡᠯ ᠦᠯᠦ ᠦᠭᠬᠦ ᠳᠤ ᠦᠨᠳᠦᠰᠦᠯᠡᠭᠰᠡᠨ ᠮᠡᠷᠭᠡᠵᠢᠯ ᠤᠨ ᠪᠡᠷᠢᠮᠵᠢᠶ᠎ᠠ᠂ ᠮᠡᠷᠭᠡᠵᠢᠯ ᠤᠨ ᠲᠦᠷᠢᠮᠵᠢᠯ ᠢ ᠪᠢᠴᠢᠭ ᠢᠶᠠᠷ ᠲᠤᠳᠤᠷᠬᠠᠶᠢᠯᠠᠬᠤ ᠭᠡᠷᠡᠭᠳᠡᠢ᠃      ᠲᠠᠪᠢᠨ ᠵᠢᠷᠭᠤᠳᠤᠭᠠᠷ ᠵᠦᠢᠯ   ᠲᠤᠰ ᠬᠠᠤᠯᠢ ᠶᠢᠨ ᠠᠷᠪᠠᠨ ᠬᠤᠶᠠᠳᠤᠭᠠᠷ ᠵᠦᠢᠯ ᠤᠨ ᠲᠠᠪᠤᠳᠤᠭᠠᠷ ᠵᠤᠷᠪᠤᠰ ᠲᠤ ᠵᠢᠭᠰᠠᠭᠠᠭᠰᠠᠨ ᠵᠦᠢᠯ ᠤᠳ ᠤᠨ ᠵᠠᠰᠠᠭ ᠵᠠᠬᠢᠷᠭᠠᠨ ᠤ ᠵᠦᠪᠰᠢᠶᠡᠷᠡᠯ ᠢ ᠬᠡᠷᠡᠭᠵᠢᠬᠦᠯᠬᠦ ᠳᠤ᠂ ᠭᠤᠶᠤᠴᠢᠯᠠᠭᠴᠢ ᠶᠢᠨ ᠲᠡᠪᠰᠢᠬᠦᠯᠦᠨ ᠲᠤᠰᠢᠶᠠᠭᠰᠠᠨ ᠭᠤᠶᠤᠴᠢᠯᠠᠬᠤ ᠮᠠᠲ᠋ᠧᠷᠢᠶᠠᠯ ᠨᠢ ᠪᠦᠷᠢᠨ ᠬᠦᠢᠴᠡᠳ᠂ ᠬᠠᠤᠯᠢ ᠳᠤ ᠲᠤᠭᠳᠠᠭᠠᠭᠰᠠᠨ ᠭᠡᠯᠪᠡᠷᠢ ᠳᠤ ᠨᠡᠶᠢᠴᠡᠵᠤ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠲᠤᠬᠠᠢ ᠶᠢᠨ ᠭᠠᠵᠠᠷ ᠲᠤᠨᠢ ᠲᠠᠩᠰᠠᠯᠠᠵᠤ ᠦᠭᠬᠦ ᠭᠡᠷᠡᠭᠳᠡᠢ᠃ ᠭᠤᠶᠤᠴᠢᠯᠠᠬᠤ ᠮᠠᠲ᠋ᠧᠷᠢᠶᠠᠯ ᠤᠨ ᠮᠦᠨ ᠴᠢᠨᠡᠷ ᠤᠨ ᠠᠭᠤᠯᠭ᠎ᠠ ᠶᠢ ᠬᠢᠨᠠᠨ ᠮᠠᠭᠠᠳᠯᠠᠬᠤ ᠴᠢᠬᠤᠯᠠᠳᠠᠢ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠲᠤᠰ ᠬᠠᠤᠯᠢ ᠶᠢᠨ ᠭᠤᠴᠢᠨ ᠲᠦᠷᠪᠡᠳᠦᠬᠡᠷ ᠵᠦᠢᠯ ᠤᠨ ᠭᠤᠷᠪᠠᠳᠤᠭᠠᠷ ᠪᠠᠳᠠᠭ ᠤᠨ ᠲᠤᠭᠳᠠᠭᠠᠯ ᠶᠤᠰᠤᠭᠠᠷ ᠰᠢᠢᠳᠪᠤᠷᠢᠯᠡᠨ᠎ᠠ᠃      ᠲᠠᠪᠢᠨ ᠲᠤᠯᠤᠳᠤᠭᠠᠷ ᠵᠦᠢᠯ   ᠲᠤᠭ᠎ᠠ ᠭᠡᠮᠵᠢᠶᠠᠨ ᠤ ᠬᠢᠵᠠᠭᠠᠷᠯᠠᠯ ᠲᠠᠢ ᠵᠠᠰᠠᠭ ᠵᠠᠬᠢᠷᠭᠠᠨ ᠤ ᠵᠦᠪᠰᠢᠶᠡᠷᠡᠯ ᠳᠤ᠂ ᠬᠤᠶᠠᠷ ᠪᠤᠶᠤ ᠬᠤᠶᠠᠷ ᠠᠴᠠ ᠲᠡᠭᠡᠭᠰᠢ ᠲᠤᠭᠠᠨ ᠤ ᠭᠤᠶᠤᠴᠢᠯᠠᠭᠴᠢ ᠶᠢᠨ ᠭᠤᠶᠤᠴᠢᠯᠠᠯ ᠨᠢ ᠪᠦᠷ ᠬᠠᠤᠯᠢ ᠳᠤ ᠲᠤᠭᠳᠠᠭᠠᠭᠰᠠᠨ ᠨᠦᠬᠦᠴᠡᠯ᠂ ᠪᠠᠷᠢᠮᠵᠢᠶ᠎ᠠ ᠳᠤ ᠨᠡᠶᠢᠴᠡᠵᠤ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠵᠠᠬᠢᠷᠭᠠᠨ ᠤ ᠵᠦᠪᠰᠢᠶᠡᠷᠡᠯ ᠠᠪᠬᠤ ᠭᠤᠶᠤᠴᠢᠯᠠᠯ ᠢ ᠰᠢᠢᠳᠪᠤᠷᠢᠯᠡᠬᠦ ᠪᠠᠷ ᠬᠦᠯᠢᠶᠡᠨ ᠠᠪᠤᠭᠰᠠᠨ ᠡᠮᠦᠨ᠎ᠠ ᠬᠤᠶᠢᠨ᠎ᠠ ᠲᠡᠰ ᠲᠠᠷᠠᠭ᠎ᠠ ᠶᠢ ᠦᠨᠳᠦᠰᠦᠯᠡᠵᠦ ᠵᠠᠰᠠᠭ ᠵᠠᠬᠢᠷᠭᠠᠨ ᠤ ᠵᠦᠪᠰᠢᠶᠡᠷᠡᠯ ᠤᠨ ᠲᠤᠭᠳᠠᠭᠠᠯ ᠭᠠᠷᠭᠠᠬᠤ ᠭᠡᠷᠡᠭᠳᠡᠢ᠃ ᠭᠡᠪᠡᠴᠦ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠳᠤ ᠠᠰᠳᠠᠭᠠᠨ ᠲᠤᠭᠳᠠᠭᠠᠯ ᠲᠠᠢ ᠪᠠᠶᠢᠪᠠᠯ᠂ ᠲᠡᠷᠡ ᠲᠤᠭᠳᠠᠭᠠᠯ ᠶᠤᠰᠤᠭᠠᠷ ᠬᠦᠢᠴᠡᠳᠭᠡᠨ᠎ᠠ᠃      ᠲᠠᠪᠤᠳᠤᠭᠠᠷ ᠪᠦᠯᠦᠭ   ᠵᠠᠰᠠᠭ ᠵᠠᠬᠢᠷᠭᠠᠨ ᠤ ᠵᠦᠪᠰᠢᠶᠡᠷᠡᠯ ᠤᠨ ᠰᠦᠢᠳᠭᠡᠯ      ᠲᠠᠪᠢᠨ ᠨᠠᠢᠮᠠᠳᠤᠭᠠᠷ ᠵᠦᠢᠯ  ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠵᠠᠬᠢᠷᠭᠠᠨ ᠤ ᠵᠦᠪᠰᠢᠶᠡᠷᠡᠯ ᠢ ᠭᠡᠷᠡᠭᠵᠢᠬᠦᠯᠬᠦ ᠪᠠ ᠵᠠᠰᠠᠭ ᠵᠠᠬᠢᠷᠭᠠᠨ ᠤ ᠵᠦᠪᠰᠢᠶᠡᠷᠡᠯ ᠤᠨ ᠵᠦᠢᠯ ᠤᠳ ᠲᠤ ᠬᠢᠨᠠᠯᠳᠠ ᠲᠠᠯᠪᠢᠵᠤ ᠪᠠᠶᠢᠴᠠᠭᠠᠬᠤ ᠳᠠᠭᠠᠨ ᠶᠠᠮᠠᠷᠴᠤ ᠰᠦᠢᠳᠭᠡᠯ ᠬᠤᠷᠢᠶᠠᠵᠤ ᠪᠤᠯᠬᠤ ᠦᠬᠡᠢ᠃ ᠭᠡᠪᠡᠴᠤ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠳᠤ ᠠᠰᠳᠠᠭᠠᠨ ᠲᠤᠭᠳᠠᠭᠠᠯ ᠲᠠᠢ ᠪᠠᠶᠢᠪᠠᠯ᠂ ᠲᠡᠷᠡ ᠲᠤᠭᠳᠠᠭᠠᠯ ᠶᠤᠰᠤᠭᠠᠷ ᠬᠦᠢᠴᠡᠳᠭᠡᠨ᠎ᠠ᠃      ᠵᠠᠰᠠᠭ ᠵᠠᠬᠢᠷᠭᠠᠨ ᠤ ᠪᠠᠶᠢᠭᠤᠯᠭ᠎ᠠ ᠭᠤᠶᠤᠴᠢᠯᠠᠬᠤ ᠪᠢᠴᠢᠭ ᠤᠨ ᠬᠡᠯᠪᠡᠷᠢᠵᠢᠭᠰᠡᠨ ᠪᠢᠴᠢᠭ ᠮᠠᠲ᠋ᠧᠷᠢᠶᠠᠯ ᠬᠠᠨᠭ᠍ᠭᠠᠬᠤ ᠳᠠᠭᠠᠨ ᠰᠦᠢᠳᠭᠡᠯ ᠬᠤᠷᠢᠶᠠᠵᠤ ᠪᠤᠯᠬᠤ ᠦᠬᠡᠢ      ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠵᠠᠭᠢᠷᠭᠠᠨ ᠤ ᠵᠦᠪᠰᠢᠶᠡᠷᠡᠯ ᠢ ᠭᠡᠷᠡᠭᠵᠢᠬᠦᠯᠬᠦ ᠳᠤ ᠬᠡᠷᠡᠭᠰᠡᠬᠦ ᠵᠠᠷᠤᠳᠠᠯ ᠢ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠦᠰᠦᠪ ᠲᠤ ᠵᠢᠭᠰᠠᠭᠠᠨ ᠤᠷᠤᠭᠤᠯᠵᠤ᠂ ᠲᠤᠰ ᠱᠠᠳᠤᠨ ᠤ ᠡᠳ᠋ ᠤᠨ ᠵᠠᠰᠠᠭ ᠠᠴᠠ ᠪᠠᠳᠤᠯᠠᠵᠤ᠂ ᠵᠦᠪᠰᠢᠶᠡᠷᠡᠭᠰᠡᠨ ᠲᠦᠰᠦᠪ ᠶᠤᠰᠤᠭᠠᠷ ᠬᠢᠨᠠᠨ ᠤᠯᠭᠤᠬᠤ ᠭᠡᠷᠡᠭᠳᠡᠢ᠃      ᠲᠠᠪᠢ ᠶᠢᠰᠦᠳᠦᠬᠡᠷ ᠵᠦᠢᠯ   ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠵᠠᠬᠢᠷᠭᠠᠨ ᠤ ᠵᠦᠪᠰᠢᠶᠡᠷᠡᠯ ᠢ ᠭᠡᠷᠡᠭᠵᠢᠬᠦᠯᠬᠦ ᠳᠡᠭᠡᠨ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠶᠤᠰᠤᠭᠠᠷ ᠰᠦᠢᠳᠭᠡᠯ ᠬᠤᠷᠢᠶᠠᠪᠠᠯ᠂ ᠨᠡᠶᠢᠳᠡᠯᠡᠭᠰᠡᠨ ᠬᠠᠤᠯᠢ ᠳᠤ ᠲᠤᠭᠳᠠᠭᠠᠭᠰᠠᠨ ᠵᠦᠢᠯ ᠪᠠ ᠪᠡᠷᠢᠮᠵᠢᠶ᠎ᠠ ᠶᠤᠰᠤᠭᠠᠷ ᠰᠦᠢᠳᠭᠡᠯ ᠬᠤᠷᠢᠶᠠᠬᠤ ᠭᠡᠷᠡᠭᠳᠡᠢ︔ ᠬᠤᠷᠢᠶᠠᠭᠰᠠᠨ ᠰᠦᠢᠳᠭᠡᠯ ᠢᠶᠠᠨ ᠡᠷᠭᠡᠪᠰᠢ ᠪᠦᠬᠦᠳᠡ ᠶᠢ ᠤᠯᠤᠰ ᠤᠨ ᠰᠠᠩ ᠳᠤ ᠲᠤᠰᠢᠶᠠᠬᠤ ᠭᠡᠷᠡᠭᠳᠡᠢ᠂ ᠶᠠᠮᠠᠷᠪᠠ ᠪᠠᠶᠢᠭᠤᠯᠭ᠎ᠠ ᠪᠤᠶᠤ ᠬᠤᠪᠢ ᠬᠦᠮᠦᠨ ᠶᠠᠮᠠᠷᠪᠠ ᠭᠡᠯᠪᠡᠷᠢ ᠪᠠᠷ ᠦᠯᠡᠳᠡᠭᠡᠨ ᠠᠪᠴᠤ᠂ ᠨᠡᠬᠦᠯᠬᠡᠨ ᠬᠡᠷᠡᠭᠯᠡᠵᠤ᠂ ᠬᠤᠪᠢᠳᠠᠨ ᠬᠤᠪᠢᠶᠠᠬᠤ ᠪᠤᠶᠤ ᠭᠡᠯᠪᠡᠷᠢ ᠶᠢ ᠨᠢ ᠦᠬᠡᠷᠡᠳᠡᠬᠦᠯᠤᠨ ᠬᠤᠪᠢᠳᠠᠨ ᠬᠤᠪᠢᠶᠠᠵᠤ ᠪᠤᠯᠬᠤ ᠦᠬᠡᠢ᠃ ᠵᠠᠰᠠᠭ ᠵᠠᠬᠢᠷᠭᠠᠨ ᠤ ᠵᠦᠪᠰᠢᠶᠡᠷᠡᠯ ᠢ ᠬᠡᠷᠡᠭᠵᠢᠬᠦᠯᠬᠦ ᠳᠤ ᠬᠤᠷᠢᠶᠠᠨ ᠠᠪᠤᠭᠰᠠᠨ ᠰᠦᠢᠳᠭᠡᠯ ᠢ ᠡᠳ᠋ ᠤᠨ ᠵᠠᠰᠠᠭ ᠤᠨ ᠰᠠᠯᠠᠭ᠎ᠠ ᠮᠦᠴᠢᠷ ᠶᠠᠮᠠᠷᠪᠠ ᠭᠡᠯᠪᠡᠷᠢ ᠪᠠᠷ ᠵᠠᠰᠠᠭ ᠵᠠᠬᠢᠷᠭᠠᠨ ᠤ ᠪᠠᠶᠢᠭᠤᠯᠭ᠎ᠠ ᠳᠤ ᠪᠤᠴᠠᠭᠠᠵᠦ ᠦᠭᠬᠦ ᠪᠤᠶᠤ ᠭᠡᠯᠪᠡᠷᠢ ᠶᠢ ᠨᠢ ᠦᠬᠡᠷᠡᠳᠡᠬᠦᠯᠦᠨ ᠪᠤᠴᠠᠭᠠᠨ ᠦᠭᠴᠤ ᠪᠤᠯᠬᠤ ᠦᠬᠡᠢ᠃      ᠵᠢᠷᠭᠤᠳᠤᠭᠠᠷ ᠪᠦᠯᠦᠭ   ᠬᠢᠨᠠᠯᠳᠠ ᠪᠠᠶᠢᠴᠠᠭᠠᠯᠳᠠ      ᠵᠢᠷᠠᠳᠤᠭᠠᠷ ᠵᠦᠢᠯ   ᠲᠡᠭᠡᠳᠦ ᠱᠠᠳᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠲᠤᠤᠷᠠᠳᠤ ᠱᠠᠳᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠵᠦᠪᠰᠢᠶᠡᠷᠡᠯ ᠢ ᠭᠡᠷᠡᠭᠵᠢᠬᠦᠯᠬᠦ ᠳᠤ ᠬᠢᠨᠠᠯᠳᠠ ᠲᠠᠯᠪᠢᠵᠤ ᠪᠠᠶᠢᠴᠠᠭᠠᠬᠤ ᠠᠵᠢᠯ ᠢᠶᠠᠨ ᠴᠢᠩᠭᠠᠳᠬᠠᠵᠤ᠂ ᠵᠠᠰᠠᠭ ᠵᠠᠬᠢᠷᠭᠠᠨ ᠤ ᠵᠦᠪᠰᠢᠶᠡᠷᠡᠯ ᠢ ᠭᠡᠷᠡᠭᠵᠢᠬᠦᠯᠬᠦ ᠶᠢᠨ ᠲᠤᠮᠳᠠᠬᠢ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠴᠠᠭ ᠲᠤᠬᠠᠢ ᠳᠤᠨᠢ ᠵᠠᠯᠠᠷᠠᠭᠤᠯᠬᠤ ᠭᠡᠷᠡᠭᠳᠡᠢ᠃      ᠵᠢᠷᠠᠨ ᠨᠢᠬᠡᠳᠦᠬᠡᠷ ᠵᠦᠢᠯ   ᠵᠠᠰᠠᠭ ᠵᠠᠬᠢᠷᠭᠠᠨ ᠤ ᠪᠠᠶᠢᠭᠤᠯᠭ᠎ᠠ ᠬᠢᠨᠠᠯᠳᠠ ᠲᠠᠯᠪᠢᠬᠤ ᠲᠦᠷᠢᠮ ᠢ ᠪᠠᠶᠢᠭᠤᠯᠤᠨ ᠲᠡᠬᠦᠯᠳᠡᠷᠵᠢᠬᠦᠯᠵᠤ᠂ ᠵᠦᠪᠰᠢᠶᠡᠷᠡᠭᠳᠡᠭᠴᠢ ᠶᠢᠨ ᠵᠠᠰᠠᠭ ᠵᠠᠬᠢᠷᠭᠠᠨ ᠤ ᠵᠦᠪᠰᠢᠶᠡᠷᠡᠯ ᠠᠪᠤᠭᠰᠠᠨ ᠵᠦᠢᠯ ᠤᠳ ᠤᠨ ᠠᠵᠢᠯᠯᠠᠭ᠎ᠠ ᠬᠢᠵᠦ ᠪᠠᠶᠢᠭ᠎ᠠ ᠪᠠᠶᠢᠳᠠᠯ ᠢ ᠲᠤᠰᠬᠠᠬᠰᠠᠨ ᠬᠤᠯᠪᠤᠭᠳᠠᠯ ᠪᠦᠬᠦᠢ ᠮᠠᠲ᠋ᠧᠷᠢᠶᠠᠯ ᠢ ᠬᠠᠷᠭᠤᠭᠤᠯᠤᠨ ᠪᠠᠶᠢᠴᠠᠭᠠᠬᠤ ᠪᠠᠷ ᠲᠠᠮᠵᠢᠭᠤᠯᠤᠨ ᠬᠢᠨᠠᠯᠳᠠ ᠲᠠᠯᠪᠢᠬᠤ ᠬᠠᠷᠢᠭᠤᠴᠠᠯᠭ᠎ᠠ ᠪᠠᠨ ᠬᠦᠢᠴᠡᠳᠭᠡᠬᠦ ᠭᠡᠷᠡᠭᠳᠡᠢ᠃      ᠵᠠᠰᠠᠭ ᠵᠠᠬᠢᠷᠭᠠᠨ ᠤ ᠪᠠᠶᠢᠭᠤᠯᠭ᠎ᠠ ᠵᠦᠪᠰᠢᠶᠡᠷᠡᠭᠳᠡᠭᠴᠢ ᠶᠢᠨ ᠵᠠᠰᠠᠬ ᠵᠠᠬᠢᠷᠭᠠᠨ ᠤ ᠵᠦᠪᠰᠢᠶᠡᠷᠡᠯ ᠠᠪᠤᠭᠰᠠᠨ ᠵᠦᠢᠯ ᠤᠳ ᠤᠨ ᠠᠵᠢᠯᠯᠠᠭ᠎ᠠ ᠬᠢᠬᠦ ᠳᠤ ᠬᠠᠤᠯᠢ ᠶᠤᠰᠤᠭᠠᠷ ᠬᠢᠨᠠᠯᠳᠠ ᠲᠠᠯᠪᠢᠵᠤ ᠪᠠᠶᠢᠴᠠᠭᠠᠬᠤ ᠳᠠᠭᠠᠨ᠂ ᠬᠢᠨᠠᠯᠳᠠ ᠲᠠᠯᠪᠢᠵᠤ ᠪᠠᠶᠢᠴᠠᠭᠠᠭᠰᠠᠨ ᠪᠠᠶᠢᠳᠠᠯ ᠪᠠ ᠰᠢᠢᠳᠪᠤᠷᠢᠯᠡᠭᠰᠡᠨ ᠦᠷ᠎ᠠ ᠳ᠋ᠦᠩ ᠢᠶᠠᠨ ᠲᠡᠮᠳᠡᠭᠯᠡᠵᠤ᠂ ᠬᠢᠨᠠᠯᠳᠠ ᠲᠠᠯᠪᠢᠵᠤ ᠪᠠᠶᠢᠴᠠᠭᠠᠭᠰᠠᠨ ᠬᠦᠮᠦᠨ ᠭᠠᠷ ᠤᠨ ᠦᠰᠦᠭ ᠵᠢᠷᠤᠭᠰᠠᠨ ᠤ ᠲᠠᠷᠠᠭ᠎ᠠ ᠲᠠᠩᠰᠠ ᠡᠪᠭᠡᠮᠡᠯ ᠳᠤ ᠤᠷᠤᠭᠤᠯᠬᠤ ᠭᠡᠷᠡᠭᠳᠡᠢ᠃ ᠤᠯᠠᠨ ᠨᠡᠶᠢᠳᠡ ᠪᠠᠷ ᠢᠶᠠᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠢᠨᠠᠯᠳᠠ ᠲᠠᠯᠪᠢᠵᠤ ᠪᠠᠶᠢᠴᠠᠭᠠᠭᠰᠠᠨ ᠲᠡᠮᠳᠡᠭᠯᠡᠯ ᠢ ᠪᠠᠶᠢᠴᠠᠭᠠᠵᠤ ᠦᠵᠡᠬᠦ ᠡᠷᠭᠡ ᠲᠠᠢ᠃      ᠵᠠᠰᠠᠭ ᠵᠠᠬᠢᠷᠭᠠᠨ ᠤ ᠪᠠᠶᠢᠭᠤᠯᠭ᠎ᠠ ᠨᠦᠬᠦᠴᠡᠯ ᠪᠦᠷᠢᠯᠳᠦᠬᠦᠯᠵᠤ ᠪᠠᠶᠢᠭᠠᠳ ᠵᠦᠪᠰᠢᠶᠡᠷᠡᠭᠳᠡᠭᠴᠢ᠂ ᠪᠤᠰᠤᠳ ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠺᠤᠮᠫᠢᠦ᠋ᠲ᠋ᠧᠷ ᠤᠨ ᠲᠠᠩᠰᠠ ᠡᠪᠭᠡᠮᠡᠯ ᠤᠨ ᠰᠢᠰᠲ᠋ᠧᠮ ᠯᠦᠭᠡ ᠰᠦᠯᠵᠢᠶ᠎ᠠ ᠪᠠᠶᠢᠭᠤᠯᠵᠤ᠂ ᠵᠦᠪᠰᠢᠶᠡᠷᠡᠭᠳᠡᠭᠴᠢ ᠶᠢᠨ ᠵᠠᠰᠠᠭ ᠵᠠᠬᠢᠷᠭᠠᠨ ᠤ ᠵᠦᠪᠰᠢᠶᠡᠷᠡᠯ ᠠᠪᠤᠭᠰᠠᠨ ᠵᠦᠢᠯ ᠤᠳ ᠤᠨ ᠠᠵᠢᠯᠯᠠᠭ᠎ᠠ ᠬᠢᠵᠤ ᠪᠠᠶᠢᠭ᠎ᠠ ᠪᠠᠶᠢᠳᠠᠯ ᠢ ᠬᠠᠷᠭᠤᠭᠤᠯᠤᠨ ᠪᠠᠶᠢᠴᠠᠭᠠᠬᠤ ᠭᠡᠷᠡᠭᠳᠡᠢ᠃      ᠵᠢᠷᠠᠨ ᠬᠤᠶᠠᠳᠤᠭᠠᠷ ᠵᠦᠢᠯ   ᠵᠠᠰᠠᠭ ᠵᠠᠬᠢᠷᠭᠠᠨ ᠤ ᠪᠠᠶᠢᠭᠤᠯᠭ᠎ᠠ ᠵᠦᠪᠰᠢᠶᠡᠷᠡᠭᠳᠡᠭᠴᠢ ᠶᠢᠨ ᠦᠢᠯᠡᠳᠪᠤᠷᠢᠯᠡᠨ ᠡᠵᠡᠩᠨᠡᠵᠤ ᠪᠠᠶᠢᠭ᠎ᠠ ᠦᠢᠯᠡᠳᠬᠦᠨ ᠢ ᠬᠠᠤᠯᠢ ᠶᠤᠰᠤᠭᠠᠷ ᠦᠯᠢᠬᠡᠷ ᠠᠪᠴᠤ ᠪᠠᠶᠢᠴᠠᠭᠠᠨ᠂ ᠰᠢᠯᠭᠠᠨ ᠪᠠᠶᠢᠴᠠᠭᠠᠵᠤ᠂ ᠪᠠᠶᠢᠴᠠᠭᠠᠨ ᠬᠡᠮᠵᠢᠵᠤ᠂ ᠦᠢᠯᠡᠳᠪᠤᠷᠢᠯᠡᠯ ᠡᠵᠡᠩᠨᠡᠯᠳᠡ ᠶᠢᠨ ᠲᠠᠯᠠᠪᠤᠷ ᠲᠤᠨᠢ ᠬᠠᠤᠯᠢ ᠶᠤᠰᠤᠭᠠᠷ ᠪᠤᠳᠠᠳᠤ ᠭᠠᠵᠠᠷ ᠤᠨ ᠪᠠᠶᠢᠴᠠᠭᠠᠯᠳᠠ ᠬᠢᠵᠤ ᠪᠤᠯᠤᠨ᠎ᠠ᠃ ᠪᠠᠶᠢᠴᠠᠭᠠᠬᠤ ᠳᠠᠭᠠᠨ ᠵᠠᠰᠠᠭ ᠵᠠᠬᠢᠷᠭᠠᠨ ᠤ ᠪᠠᠶᠢᠭᠤᠯᠭ᠎ᠠ ᠬᠠᠤᠯᠢ ᠶᠤᠰᠤᠭᠠᠷ ᠬᠤᠯᠪᠤᠭᠳᠠᠯ ᠪᠦᠬᠦᠢ ᠮᠠᠲ᠋ᠧᠷᠢᠶᠠᠯ ᠢ ᠪᠠᠶᠢᠴᠠᠭᠠᠨ ᠤᠡᠭᠰᠢᠬᠤ ᠪᠤᠶᠤ ᠵᠦᠪᠰᠢᠶᠡᠷᠡᠭᠳᠡᠭᠴᠢ ᠪᠠᠷ ᠮᠡᠳᠡᠬᠦᠯᠦᠨ ᠬᠦᠷᠭᠡᠬᠦᠯᠬᠦ ᠪᠠᠷ ᠱᠠᠭᠠᠷᠳᠠᠵᠤ ᠪᠤᠯᠤᠨ᠎ᠠ︔ ᠵᠦᠪᠰᠢᠶᠡᠷᠡᠭᠳᠡᠭᠴᠢ ᠬᠤᠯᠪᠤᠭᠳᠠᠯ ᠪᠦᠬᠦᠢ ᠪᠠᠶᠢᠳᠠᠯ ᠪᠠ ᠮᠠᠲ᠋ᠧᠷᠢᠶᠠᠯ ᠢ ᠦᠨᠡᠨ ᠮᠦᠨ ᠢᠶᠠᠷ ᠬᠠᠨᠭ᠍ᠭᠠᠬᠤ ᠭᠡᠷᠡᠭᠳᠡᠢ᠃      ᠵᠠᠰᠠᠭ ᠵᠠᠬᠢᠷᠭᠠᠨ ᠤ ᠪᠠᠶᠢᠭᠤᠯᠭ᠎ᠠ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠤᠨ ᠲᠤᠭᠳᠠᠭᠠᠯ ᠢ ᠦᠨᠳᠦᠰᠦᠯᠡᠨ᠂ᠤᠯᠠᠨ ᠨᠡᠶᠢᠳᠡ ᠶᠢᠨ ᠠᠮᠤᠷ ᠲᠦᠪᠰᠢᠨ᠂ ᠬᠦᠮᠦᠨ ᠤ ᠪᠡᠶ᠎ᠠ ᠶᠢᠨ ᠡᠷᠡᠬᠦᠯ ᠮᠡᠨᠳᠦ᠂ ᠠᠮᠢ ᠨᠠᠰᠤ ᠡᠳ᠋ ᠬᠦᠷᠦᠩᠬᠡ ᠶᠢᠨ ᠠᠮᠤᠷ ᠲᠦᠪᠰᠢᠨ ᠳᠤ ᠰᠢᠭᠤᠳ ᠬᠤᠯᠪᠤᠭᠳᠠᠬᠤ ᠴᠢᠬᠤᠯᠠ ᠲᠤᠨᠤᠭ ᠲᠦᠬᠦᠬᠡᠷᠦᠮᠵᠢ᠂ ᠪᠡᠯᠡᠳᠭᠡᠮᠵᠢ ᠶᠢ ᠲᠤᠭᠳᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠨ᠎ᠠ᠃ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠵᠤᠬᠢᠴᠠᠩᠭᠤᠢ ᠭᠡᠷᠡᠴᠢᠯᠡᠬᠦ ᠪᠢᠴᠢᠭ ᠮᠠᠲ᠋ᠧᠷᠢᠶᠠᠯ ᠤᠯᠭᠤᠬᠤ ᠭᠡᠷᠡᠭᠳᠡᠢ᠃      ᠵᠢᠷᠠᠨ ᠭᠤᠷᠪᠠᠳᠤᠭᠠᠷ ᠵᠦᠢᠯ   ᠵᠠᠰᠠᠭ ᠵᠠᠬᠢᠷᠭᠠᠨ ᠤ ᠪᠠᠶᠢᠭᠤᠯᠭ᠎ᠠ ᠬᠢᠨᠠᠯᠳᠠ ᠲᠠᠯᠪᠢᠵᠤ ᠪᠠᠶᠢᠴᠠᠭᠠᠬᠤ ᠳᠠᠭᠠᠨ ᠵᠦᠪᠰᠢᠶᠡᠷᠡᠭᠳᠡᠭᠴᠢ ᠶᠢᠨ ᠭᠡᠪ ᠤᠨ ᠦᠢᠯᠡᠳᠪᠤᠷᠢᠯᠡᠯ ᠡᠵᠡᠩᠨᠡᠯᠳᠡ ᠶᠢᠨ ᠠᠵᠢᠯᠯᠠᠭ᠎ᠠ ᠶᠢ ᠬᠠᠷᠰᠢᠯᠠᠵᠤ ᠪᠤᠯᠬᠤ ᠦᠬᠡᠢ᠂ ᠵᠦᠪᠰᠢᠶᠡᠷᠡᠭᠳᠡᠭᠴᠢ ᠶᠢᠨ ᠵᠤᠭᠤᠰ ᠮᠦᠡᠭᠬᠦ ᠡᠳ᠋ ᠪᠤᠳᠠᠰ ᠢ ᠨᠡᠭᠡᠵᠤ ᠠᠪᠬᠤ ᠪᠤᠶᠤ ᠬᠦᠯᠢᠶᠡᠨ ᠠᠪᠴᠤ ᠪᠤᠯᠬᠤ ᠦᠬᠡᠢ᠂ ᠪᠤᠰᠤᠳ ᠠᠰᠢᠭ ᠲᠤᠰᠠ ᠤᠯᠵᠤ ᠪᠤᠯᠬᠤ ᠦᠬᠡᠢ᠃      ᠵᠢᠷᠠᠨ ᠲᠦᠷᠪᠡᠳᠦᠬᠡᠷ ᠵᠦᠢᠯ   ᠵᠦᠪᠰᠢᠶᠡᠷᠡᠭᠳᠡᠭᠴᠢ ᠵᠠᠰᠠᠭ ᠵᠠᠬᠢᠷᠭᠠᠨ ᠤ ᠵᠦᠪᠰᠢᠶᠡᠷᠡᠯ ᠤᠨ ᠲᠤᠭᠳᠠᠭᠠᠯ ᠭᠠᠷᠭᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠮᠢᠶᠠᠷᠬᠤ ᠤᠷᠤᠨ ᠪᠦᠰᠡ ᠶᠢᠨ ᠭᠡᠪᠴᠢᠶᠠᠨ ᠠᠴᠠ ᠭᠠᠳᠠᠨ᠎ᠠ ᠬᠠᠤᠯᠢ ᠶᠢ ᠵᠦᠷᠢᠴᠡᠨ ᠵᠠᠰᠠᠭ ᠵᠠᠬᠢᠷᠭᠠᠨ ᠤ ᠵᠦᠪᠰᠢᠶᠡᠷᠡᠯ ᠠᠪᠤᠭᠰᠠᠨ ᠵᠦᠢᠯ ᠤᠳ ᠤᠨ ᠠᠵᠢᠯᠯᠠᠭ᠎ᠠ ᠬᠢᠭᠰᠡᠨ ᠪᠠᠶᠢᠪᠠᠯ᠂ ᠬᠠᠤᠯᠢ ᠶᠢ ᠵᠦᠷᠢᠴᠡᠭᠰᠡᠨ ᠠᠵᠢᠯᠯᠠᠭ᠎ᠠ ᠡᠬᠦᠰᠦᠭᠰᠡᠨ ᠭᠠᠵᠠᠷ ᠤᠨ ᠵᠠᠰᠠᠭ ᠵᠠᠬᠢᠷᠭᠠᠨ ᠤ ᠪᠠᠶᠢᠭᠤᠯᠭ᠎ᠠ ᠵᠦᠪᠰᠢᠶᠡᠷᠡᠭᠳᠡᠭᠴᠢ ᠶᠢᠨ ᠬᠠᠤᠯᠢ ᠠᠴᠠ ᠵᠦᠷᠢᠴᠡᠭᠰᠡᠨ ᠪᠤᠳᠠᠳᠤ ᠭᠡᠷᠡᠭ᠂ ᠰᠢᠢᠳᠪᠤᠷᠢᠯᠡᠭᠰᠡᠨ ᠦᠷ᠎ᠠ ᠳ᠋ᠦᠩ ᠢ ᠵᠠᠰᠠᠭ ᠵᠠᠬᠢᠷᠭᠠᠨ ᠤ ᠵᠦᠪᠰᠢᠶᠡᠷᠡᠯ ᠤᠨ ᠲᠤᠭᠳᠠᠭᠠᠯ ᠭᠠᠷᠭᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠳᠤ ᠬᠠᠤᠯᠢ ᠶᠤᠰᠤᠭᠠᠷ ᠬᠠᠭᠤᠯᠤᠨ ᠮᠡᠳᠡᠭᠳᠡᠬᠦ ᠭᠡᠷᠡᠭᠳᠡᠢ᠃      ᠵᠢᠷᠠᠨ ᠲᠠᠪᠤᠳᠤᠭᠠᠷ ᠵᠦᠢᠯ   ᠬᠤᠪᠢ ᠬᠦᠮᠦᠨ ᠪᠠ ᠵᠤᠬᠢᠶᠠᠨ ᠪᠠᠶᠢᠭᠤᠯᠤᠯᠳᠠ ᠬᠠᠤᠯᠢ ᠶᠢ ᠵᠦᠷᠢᠴᠡᠨ ᠵᠠᠰᠠᠭ ᠵᠠᠬᠢᠷᠭᠠᠨ ᠤ ᠵᠦᠪᠰᠢᠶᠡᠷᠡᠯ ᠠᠪᠤᠭᠰᠠᠨ ᠵᠦᠢᠯ ᠤᠳ ᠤᠨ ᠠᠵᠢᠯᠯᠠᠭ᠎ᠠ ᠬᠢᠵᠤ ᠪᠠᠶᠢᠬᠤ ᠶᠢ ᠤᠯᠵᠤ ᠮᠡᠳᠡᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠳᠤ ᠢᠯᠡᠴᠢᠯᠡᠨ ᠮᠡᠳᠡᠬᠦᠯᠬᠦ ᠡᠷᠭᠡ ᠲᠠᠢ᠂ ᠵᠠᠰᠠᠭ ᠵᠠᠬᠢᠷᠭᠠᠨ ᠤ ᠪᠠᠶᠢᠭᠤᠯᠭ᠎ᠠ ᠴᠠᠭ ᠲᠤᠬᠠᠢ ᠳᠤᠨᠢ ᠬᠢᠨᠠᠨ ᠮᠠᠭᠠᠳᠯᠠᠵᠤ ᠰᠢᠢᠳᠪᠤᠷᠢᠯᠡᠬᠦ ᠬᠡᠷᠡᠭᠳᠡᠢ᠃      ᠵᠢᠷᠠᠨ ᠵᠢᠷᠭᠤᠳᠤᠭᠠᠷ ᠵᠦᠢᠯ   ᠵᠦᠪᠰᠢᠶᠡᠷᠡᠭᠳᠡᠭᠴᠢ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠡᠬᠦᠷᠭᠡ ᠪᠠᠨ ᠬᠠᠤᠯᠢ ᠶᠤᠰᠤᠭᠠᠷ ᠡᠰᠡ ᠬᠦᠢᠴᠡᠳᠭᠡᠭᠰᠡᠨ ᠪᠤᠶᠤ ᠤᠯᠠᠨ ᠨᠡᠶᠢᠳᠡ ᠶᠢᠨ ᠡᠬᠢ ᠪᠠᠶᠠᠯᠢᠭ ᠢ ᠠᠰᠢᠭᠯᠠᠬᠤ ᠡᠬᠦᠷᠭᠡ ᠪᠠᠨ ᠬᠠᠤᠯᠢ ᠶᠤᠰᠤᠭᠠᠷ ᠡᠰᠡ ᠬᠦᠢᠴᠡᠳᠭᠡᠭᠰᠡᠨ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠤᠭᠳᠠᠭᠠᠨ ᠵᠠᠯᠠᠷᠠᠭᠤᠯᠤᠭᠤᠯᠬᠤ ᠭᠡᠷᠡᠭᠳᠡᠢ︔ ᠵᠦᠪᠰᠢᠶᠡᠷᠡᠭᠳᠡᠭᠴᠢ ᠲᠤᠭᠳᠠᠭᠠᠭᠰᠠᠨ ᠬᠤᠭᠤᠴᠠᠭᠠᠨ ᠳᠤ ᠵᠠᠯᠠᠷᠠᠭᠤᠯᠬᠤ ᠦᠬᠡᠢ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠬᠤᠯᠪᠤᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠤᠨ ᠲᠤᠭᠳᠠᠭᠠᠯ ᠶᠤᠰᠤᠭᠠᠷ ᠰᠢᠢᠳᠪᠤᠷᠢᠯᠡᠬᠦ ᠭᠡᠷᠡᠭᠳᠡᠢ᠃      ᠵᠢᠷᠠᠨ ᠲᠤᠯᠤᠳᠤᠭᠠᠷ ᠵᠦᠢᠯ   ᠤᠯᠠᠨ ᠨᠡᠶᠢᠳᠡ ᠶᠢᠨ ᠠᠰᠢᠭ ᠲᠤᠰᠠ ᠳᠤ ᠰᠢᠭᠤᠳ ᠬᠤᠯᠪᠤᠭᠳᠠᠬᠤ ᠲᠤᠰᠬᠠᠢ ᠲᠤᠭᠳᠠᠭᠠᠭᠰᠠᠨ ᠠᠵᠢᠯ ᠲᠦᠷᠦᠯ ᠤᠨ ᠵᠠᠬ᠎ᠠ ᠲᠡᠯᠬᠡᠬᠦᠷ ᠲᠤ ᠤᠷᠤᠵᠤ ᠪᠤᠯᠬᠤ ᠵᠠᠰᠠᠭ ᠵᠠᠬᠢᠷᠭᠠᠨ ᠤ ᠵᠦᠪᠰᠢᠶᠡᠷᠡᠯ ᠢ ᠤᠯᠤᠭᠰᠠᠨ ᠵᠦᠪᠰᠢᠶᠡᠷᠡᠭᠳᠡᠭᠴᠢ ᠤᠯᠤᠰ ᠠᠴᠠ ᠲᠤᠭᠳᠠᠭᠠᠭᠰᠠᠨ ᠦᠢᠯᠡᠴᠢᠯᠡᠬᠡᠨ ᠤ ᠪᠠᠷᠢᠮᠵᠢᠶ᠎ᠠ᠂ ᠵᠠᠷᠤᠳᠠᠯ ᠰᠦᠢᠳᠭᠡᠯ ᠤᠨ ᠪᠡᠷᠢᠮᠵᠢᠶ᠎ᠠ ᠪᠠ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠤᠰᠤᠭᠠᠷ ᠲᠤᠭᠳᠠᠭᠠᠭᠰᠠᠨ ᠨᠦᠬᠦᠴᠡᠯ ᠶᠤᠰᠤᠭᠠᠷ ᠭᠡᠷᠡᠭᠯᠡᠭᠴᠢᠳ ᠲᠤ ᠠᠮᠤᠷ ᠲᠦᠪᠰᠢᠨ᠂ ᠲᠦᠬᠦᠮ ᠲᠦᠳᠡ᠂ ᠲᠤᠭᠳᠠᠪᠤᠷᠢᠳᠠᠢ ᠪᠦᠬᠡᠳ ᠦᠨ᠎ᠠ ᠬᠠᠨᠭ᠍ᠰᠢ ᠨᠢ ᠵᠤᠬᠢᠰᠳᠠᠢ ᠦᠢᠯᠡᠴᠢᠯᠡᠭᠡ ᠬᠠᠨᠭ᠍ᠭᠠᠬᠤ ᠭᠡᠷᠡᠭᠳᠡᠢ ᠮᠦᠷᠳᠡᠭᠡᠨ ᠲᠦᠬᠡᠮᠡᠯ ᠦᠢᠯᠡᠴᠢᠯᠡᠭᠡᠨ ᠤ ᠡᠬᠦᠷᠭᠡ ᠪᠠᠨ ᠬᠦᠢᠴᠡᠳᠭᠡᠬᠦ ᠬᠡᠷᠡᠭᠳᠡᠢ︔ ᠵᠠᠰᠠᠭ ᠵᠠᠬᠢᠷᠭᠠᠨ ᠤ ᠵᠦᠪᠰᠢᠶᠡᠷᠡᠯ ᠤᠨ ᠲᠤᠭᠳᠠᠭᠠᠯ ᠭᠠᠷᠭᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠪᠠᠷ ᠵᠦᠪᠰᠢᠶᠡᠷᠡᠬᠦᠯᠦᠭᠰᠡᠨ ᠦᠬᠡᠢ ᠪᠠᠷ ᠲᠤᠷ᠎ᠠ ᠪᠠᠷ ᠢᠶᠠᠨ ᠠᠵᠢᠯ ᠢᠶᠠᠨ ᠵᠤᠭᠰᠤᠭᠠᠵᠤ᠂ ᠠᠵᠢᠯ ᠢᠶᠠᠨ ᠵᠠᠪᠰᠠᠷᠯᠠᠵᠤ ᠪᠤᠯᠬᠤ ᠦᠬᠡᠢ᠃      ᠵᠦᠪᠰᠢᠶᠡᠷᠡᠭᠳᠡᠭᠴᠢ ᠡᠮᠦᠨᠡᠬᠢ ᠪᠠᠳᠠᠭ ᠲᠤ ᠲᠤᠭᠳᠠᠭᠠᠭᠰᠠᠨ ᠡᠬᠦᠷᠭᠡ ᠶᠢ ᠬᠦᠢᠴᠡᠳᠭᠡᠬᠦ ᠦᠬᠡᠢ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠤᠭᠳᠠᠭᠠᠨ ᠵᠠᠯᠠᠷᠠᠭᠤᠯᠤᠭᠤᠯᠬᠤ ᠪᠤᠶᠤ ᠬᠠᠤᠯᠢ ᠶᠤᠰᠤᠭᠠᠷ ᠪᠦᠳᠦᠮᠵᠢᠳᠡᠢ ᠠᠷᠭ᠎ᠠ ᠭᠡᠮᠵᠢᠶ᠎ᠠ ᠠᠪᠴᠤ ᠪᠠᠶᠢᠭᠠᠳ ᠲᠡᠬᠦᠨ ᠤ ᠡᠬᠦᠷᠭᠡ ᠪᠠᠨ ᠬᠦᠢᠴᠡᠳᠭᠡᠬᠦ ᠶᠢ ᠰᠢᠪᠠᠳᠠᠨ ᠱᠠᠭᠠᠷᠳᠠᠬᠤ ᠭᠡᠷᠡᠭᠳᠡᠢ᠃      ᠵᠢᠷᠠᠨ ᠨᠠᠢᠮᠠᠳᠤᠭᠠᠷ ᠵᠦᠢᠯ   ᠤᠯᠠᠨ ᠨᠡᠶᠢᠳᠡ ᠶᠢᠨ ᠠᠮᠤᠷ ᠲᠦᠪᠰᠢᠨ᠂ ᠬᠦᠮᠦᠨ ᠤ ᠪᠡᠶ᠎ᠠ ᠶᠢᠨ ᠡᠷᠡᠬᠦᠯ ᠮᠠᠨᠳᠤ᠂ ᠠᠮᠢ ᠨᠠᠰᠤ ᠡᠳ᠋ ᠬᠦᠷᠦᠩᠬᠡ ᠶᠢᠨ ᠠᠮᠤᠷ ᠲᠦᠪᠰᠢᠨ ᠳᠤ ᠰᠢᠭᠤᠳ ᠬᠤᠯᠪᠤᠭᠳᠠᠬᠤ ᠴᠢᠬᠤᠯᠠ ᠲᠤᠨᠤᠭ ᠲᠦᠬᠦᠬᠡᠷᠦᠮᠵᠢ᠂ ᠪᠡᠯᠡᠳᠭᠡᠮᠵᠢ ᠳᠤ ᠪᠤᠯ᠂ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠵᠢᠷᠤᠵᠤ ᠲᠦᠯᠦᠪᠯᠡᠬᠦ᠂ ᠪᠠᠷᠢᠵᠦ ᠪᠠᠶᠢᠭᠤᠯᠬᠤ᠂ ᠤᠭᠰᠠᠷᠠᠬᠤ ᠪᠠ ᠭᠡᠷᠡᠭᠯᠡᠬᠦ ᠨᠢᠬᠡᠴᠢ ᠶᠢᠨ ᠵᠤᠬᠢᠴᠠᠩᠭᠤᠢ ᠦᠪᠡᠰᠦᠪᠡᠨ ᠰᠢᠯᠭᠠᠨ ᠪᠠᠶᠢᠴᠠᠭᠠᠬᠤ ᠲᠦᠷᠢᠮ ᠪᠠᠶᠢᠭᠤᠯᠬᠤ ᠶᠢ ᠰᠢᠪᠠᠳᠠᠨ ᠱᠠᠭᠠᠷᠳᠠᠬᠤ ᠭᠡᠷᠡᠭᠳᠡᠢ᠃      ᠵᠠᠰᠠᠭ ᠵᠠᠬᠢᠷᠭᠠᠨ ᠤ ᠪᠠᠶᠢᠭᠤᠯᠭ᠎ᠠ ᠬᠢᠨᠠᠯᠳᠠ ᠲᠠᠯᠪᠢᠵᠤ ᠪᠠᠶᠢᠴᠠᠭᠠᠬᠤ ᠳᠠᠭᠠᠨ ᠤᠯᠠᠨ ᠨᠡᠶᠢᠳᠡ ᠶᠢᠨ ᠠᠮᠦᠷ ᠲᠦᠪᠰᠢᠨ᠂ ᠬᠦᠮᠦᠨ ᠤ ᠪᠡᠶ᠎ᠠ ᠶᠢᠨ ᠡᠷᠡᠬᠦᠯ ᠮᠠᠨᠳᠤ᠂ ᠠᠮᠢ ᠨᠠᠰᠤ ᠡᠳ᠋ ᠬᠦᠷᠦᠩᠬᠡ ᠶᠢᠨ ᠠᠮᠤᠷ ᠲᠦᠪᠰᠢᠨ ᠳᠤ ᠰᠢᠭᠤᠳ ᠬᠤᠯᠪᠤᠭᠳᠠᠬᠤ ᠴᠢᠬᠤᠯᠠ ᠲᠤᠨᠤᠭ ᠲᠦᠬᠦᠬᠡᠷᠦᠮᠵᠢ᠂ ᠪᠡᠯᠡᠳᠭᠡᠮᠵᠢ ᠳᠤ ᠠᠮᠤᠷ ᠲᠦᠪᠰᠢᠨ ᠤ ᠲᠠᠯᠳᠠ ᠬᠡᠮ ᠤᠷᠤᠰᠢᠵᠤ ᠪᠠᠶᠢᠬᠤ ᠶᠢ ᠤᠯᠵᠤ ᠮᠡᠳᠡᠪᠠᠯ᠂ ᠪᠠᠷᠢᠵᠤ ᠪᠠᠶᠢᠭᠤᠯᠬᠤ᠂ ᠤᠭᠰᠠᠷᠠᠬᠤ ᠪᠠ ᠭᠡᠷᠡᠭᠯᠡᠬᠦ ᠶᠢ ᠨᠢ ᠵᠠᠷᠯᠢᠭᠳᠠᠨ ᠵᠤᠭᠰᠤᠭᠠᠯᠭᠠᠬᠤ ᠮᠦᠷᠳᠡᠭᠡᠨ ᠵᠢᠷᠤᠵᠤ ᠲᠦᠯᠦᠪᠯᠡᠬᠦ᠂ ᠪᠠᠷᠢᠵᠤ ᠪᠠᠶᠢᠭᠤᠯᠬᠤ᠂ ᠤᠭᠰᠠᠷᠠᠬᠤ ᠪᠡ ᠭᠡᠷᠡᠭᠯᠡᠬᠦ ᠨᠢᠬᠡᠴᠢ ᠶᠢ ᠵᠠᠷᠯᠢᠭᠳᠠᠵᠤ ᠪᠠᠶᠢᠭᠠᠳ ᠲᠠᠷᠤᠢ ᠲᠦᠷᠭᠡᠨ ᠵᠠᠯᠠᠷᠠᠭᠤᠯᠤᠭᠤᠯᠬᠤ ᠭᠡᠷᠡᠭᠳᠡᠢ᠃      ᠵᠢᠷᠨ ᠶᠢᠰᠦᠳᠦᠬᠡᠷ ᠵᠦᠢᠯ   ᠲᠤᠤᠷ᠎ᠠ ᠵᠢᠭᠰᠠᠭᠠᠭᠰᠠᠨ ᠪᠠᠶᠢᠳᠠᠯ ᠤᠳ ᠤᠨ ᠨᠢᠬᠡ ᠨᠢ ᠪᠠᠶᠢᠪᠠᠯ᠂ ᠵᠠᠰᠠᠭ ᠵᠠᠬᠢᠷᠭᠠᠨ ᠤ ᠵᠦᠪᠰᠢᠶᠡᠷᠡᠯ ᠤᠨ ᠲᠤᠭᠳᠠᠭᠠᠯ ᠭᠠᠷᠭᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠲᠡᠬᠦᠨ ᠤ ᠲᠡᠭᠡᠳᠦ ᠱᠠᠳᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠠᠰᠢᠭ ᠬᠤᠤᠷ ᠤᠨ ᠬᠠᠷᠢᠴᠠᠭ᠎ᠠ ᠲᠠᠢ ᠬᠦᠮᠦᠨ ᠤ ᠭᠤᠶᠤᠴᠢᠯᠠᠯ ᠪᠤᠶᠤ ᠡᠷᠭᠡ ᠲᠤᠰᠢᠶᠠᠯ ᠢᠶᠠᠨ ᠦᠨᠳᠦᠰᠦᠯᠡᠨ ᠵᠠᠰᠠᠭ ᠵᠠᠬᠢᠷᠭᠠᠨ ᠤ ᠵᠦᠪᠰᠢᠶᠡᠷᠡᠯ ᠢ ᠬᠦᠴᠦᠨ ᠦᠬᠡᠢ ᠪᠤᠯᠭᠠᠵᠤ ᠪᠤᠯᠤᠨ᠎ᠠ᠄      ︵ᠨᠢᠬᠡ︶ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠵᠢᠯᠳᠠᠨ ᠡᠷᠭᠡ ᠲᠤᠰᠢᠶᠠᠯ ᠢᠶᠠᠨ ᠲᠤᠷ᠎ᠠ ᠪᠠᠷ ᠢᠶᠠᠨ ᠭᠡᠷᠡᠭᠯᠡᠵᠤ᠂ ᠲᠤᠰᠢᠶᠠᠯ ᠬᠠᠷᠢᠭᠤᠴᠠᠯᠭ᠎ᠠ ᠪᠠᠨ ᠤᠮᠳᠤᠭᠠᠶᠢᠯᠠᠨ ᠵᠠᠰᠠᠬ ᠵᠠᠬᠢᠷᠭᠠᠨ ᠤ ᠵᠦᠪᠰᠢᠶᠡᠷᠡᠯ ᠦᠭᠬᠦ ᠲᠤᠭᠳᠠᠭᠠᠯ ᠭᠠᠷᠭᠠᠭᠰᠠᠨ︔      ︵ᠬᠤᠶᠠᠷ︶ ᠬᠠᠤᠯᠢ ᠳᠤ ᠲᠤᠭᠳᠠᠭᠠᠭᠰᠠᠨ ᠡᠷᠭᠡ ᠲᠤᠰᠢᠶᠠᠯ ᠠᠴᠠ ᠪᠠᠨ ᠲᠠᠪᠠᠵᠤ ᠵᠠᠰᠠᠭ ᠵᠠᠬᠢᠷᠭᠠᠨ ᠤ ᠵᠦᠪᠰᠢᠶᠡᠷᠡᠯ ᠦᠭᠬᠦ ᠲᠤᠭᠳᠠᠭᠠᠯ ᠭᠠᠷᠭᠠᠭᠰᠠᠨ︔      ︵ᠭᠤᠷᠪᠠ︶ ᠬᠠᠤᠯᠢ ᠳᠤ ᠲᠤᠭᠳᠠᠭᠠᠭᠰᠠᠨ ᠵᠢᠷᠤᠮ ᠠᠴᠠ ᠵᠦᠷᠢᠴᠡᠨ ᠵᠠᠰᠠᠭ ᠵᠠᠬᠢᠷᠭᠠᠨ ᠤ ᠵᠦᠪᠰᠢᠶᠡᠷᠡᠯ ᠦᠭᠬᠦ ᠲᠤᠭᠳᠠᠭᠠᠯ ᠭᠠᠷᠭᠠᠭᠰᠠᠨ︔      ︵ᠲᠦᠷᠪᠡ︶ ᠭᠤᠶᠤᠴᠢᠯᠠᠬᠤ ᠬᠢᠷᠢ ᠬᠡᠮ ᠦᠬᠡᠢ ᠪᠤᠶᠤ ᠬᠠᠤᠯᠢ ᠳᠤ ᠲᠤᠭᠳᠠᠭᠠᠭᠰᠠᠨ ᠨᠦᠬᠦᠴᠡᠯ ᠳᠤ ᠦᠯᠦ ᠨᠡᠶᠢᠴᠡᠬᠦ ᠭᠤᠶᠤᠴᠢᠯᠠᠭᠴᠢ ᠳᠤ ᠵᠠᠰᠠᠭ ᠵᠠᠬᠢᠷᠭᠠᠨ ᠤ ᠵᠦᠪᠰᠢᠶᠡᠷᠡᠯ ᠦᠭᠬᠦᠭᠰᠡᠨ︔      ︵ᠲᠠᠪᠤ︶ ᠵᠠᠰᠠᠭ ᠵᠠᠬᠢᠷᠭᠠᠨ ᠤ ᠵᠦᠪᠰᠢᠶᠡᠷᠡᠯ ᠢ ᠬᠠᠤᠯᠢ ᠶᠤᠰᠤᠭᠠᠷ ᠬᠦᠴᠦᠨ ᠦᠬᠡᠢ ᠪᠤᠯᠭᠠᠵᠤ ᠪᠤᠯᠬᠤ ᠪᠤᠰᠤᠳ ᠪᠠᠶᠢᠳᠠᠯ᠃      ᠵᠦᠪᠰᠢᠶᠡᠷᠡᠭᠳᠡᠭᠴᠢ ᠮᠡᠭᠡᠯᠡᠬᠦ᠂ ᠭᠡᠭᠡᠯᠢ ᠬᠠᠭ᠋ᠤᠤᠯᠢ ᠲᠦᠯᠬᠢᠬᠦ ᠵᠡᠷᠭᠡ ᠲᠦᠪ ᠪᠤᠰᠤ ᠠᠷᠭ᠎ᠠ ᠪᠠᠷᠢᠯ ᠢᠶᠠᠷ ᠵᠠᠰᠠᠭ ᠵᠠᠬᠢᠷᠭᠠᠨ ᠤ ᠵᠦᠪᠰᠢᠶᠡᠷᠡᠯ ᠢ ᠤᠯᠤᠭᠰᠠᠨ ᠪᠠᠶᠢᠪᠠᠯ᠂ ᠬᠦᠴᠦᠨ ᠦᠬᠡᠢ ᠪᠤᠯᠭᠠᠬᠤ ᠭᠡᠷᠡᠭᠳᠡᠢ᠃      ᠡᠮᠦᠨᠡᠬᠢ ᠬᠤᠶᠠᠷ ᠪᠠᠳᠠᠭ ᠤᠨ ᠲᠤᠭᠳᠠᠭᠠᠯ ᠶᠤᠰᠤᠭᠠᠷ ᠵᠠᠰᠠᠭ ᠵᠠᠬᠢᠷᠭᠠᠨ ᠤ ᠵᠦᠪᠰᠢᠶᠡᠷᠡᠯ ᠢ ᠬᠦᠴᠦᠨ ᠦᠬᠡᠢ ᠪᠤᠯᠭᠠᠭᠠᠳ ᠤᠯᠠᠨ ᠨᠡᠶᠢᠳᠡ ᠶᠢᠨ ᠠᠰᠢᠭ ᠲᠤᠰᠠ ᠳᠤ ᠬᠦᠨᠳᠦ ᠶᠡᠭᠡ ᠬᠤᠬᠢᠷᠠᠯ ᠤᠴᠠᠷᠠᠭᠤᠯᠵᠤ ᠮᠡᠳᠡᠬᠦ ᠳᠤ ᠬᠦᠷᠪᠡᠯ᠂ ᠬᠦᠴᠦᠨ ᠦᠬᠡᠢ ᠪᠤᠯᠭᠠᠬᠤ ᠦᠬᠡᠢ᠃      ᠲᠤᠰ ᠵᠦᠢᠯ ᠤᠨ ᠨᠢᠬᠡᠳᠦᠬᠡᠷ ᠪᠠᠳᠠᠭ ᠤᠨ ᠲᠤᠭᠳᠠᠭᠠᠯ ᠶᠤᠰᠤᠭᠠᠷ ᠵᠠᠰᠠᠭ ᠵᠠᠬᠢᠷᠭᠠᠨ ᠤ ᠵᠦᠪᠰᠢᠶᠡᠷᠡᠯ ᠢ ᠬᠦᠴᠦᠨ ᠦᠬᠡᠢ ᠪᠤᠯᠭᠠᠭᠠᠳ ᠵᠦᠪᠰᠢᠶᠡᠷᠡᠭᠳᠡᠭᠴᠢ ᠶᠢᠨ ᠬᠠᠤᠯᠢ ᠶᠤᠰᠤᠨ ᠤ ᠡᠷᠭᠡ ᠠᠰᠢᠭ ᠢ ᠬᠤᠬᠢᠷᠠᠯ ᠳᠤ ᠤᠴᠠᠷᠠᠭᠤᠯᠤᠭᠰᠠᠨ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠬᠠᠤᠯᠢ ᠶᠤᠰᠤᠭᠠᠷ ᠲᠦᠯᠦᠪᠤᠷᠢ ᠦᠭᠬᠦ ᠬᠡᠷᠡᠭᠳᠡᠢ᠃ ᠲᠤᠰ ᠵᠦᠢᠯ ᠤᠨ ᠬᠤᠶᠠᠳᠤᠭᠠᠷ ᠪᠠᠳᠠᠭ ᠤᠨ ᠲᠤᠭᠳᠠᠭᠠᠯ ᠶᠤᠰᠤᠭᠠᠷ ᠵᠠᠰᠠᠭ ᠵᠠᠬᠢᠷᠭᠠᠨ ᠤ ᠵᠦᠪᠰᠢᠶᠡᠷᠡᠯ ᠢ ᠬᠦᠴᠦᠨ ᠦᠬᠡᠢ ᠪᠤᠯᠭᠠᠬᠤ ᠳᠤ ᠵᠦᠪᠰᠢᠶᠡᠷᠡᠭᠳᠡᠭᠴᠢ ᠶᠢᠨ ᠵᠠᠰᠠᠬ ᠵᠠᠬᠢᠷᠭᠠᠨ ᠤ ᠵᠦᠪᠰᠢᠶᠡᠷᠡᠯ ᠢᠶᠠᠷ ᠰᠠᠭᠤᠷᠢᠯᠠᠭᠤᠯᠤᠨ ᠤᠯᠤᠭᠰᠠᠨ ᠠᠰᠢᠭ ᠲᠤᠰᠠ ᠬᠠᠮᠠᠭᠠᠯᠠᠭᠳᠠᠬᠤ ᠦᠬᠡᠢ᠃      ᠲᠠᠯᠠᠳᠤᠭᠠᠷ ᠵᠦᠢᠯ   ᠲᠤᠤᠷ᠎ᠠ ᠵᠢᠭᠰᠠᠭᠠᠭᠰᠠᠨ ᠪᠠᠶᠢᠳᠠᠯ ᠤᠳ ᠤᠨ ᠨᠢᠬᠡ ᠨᠢ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠬᠠᠤᠯᠢ ᠶᠤᠰᠤᠭᠠᠷ ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠵᠦᠪᠰᠢᠶᠡᠷᠡᠯ ᠢ ᠬᠦᠴᠦᠨ ᠦᠬᠡᠢ ᠪᠤᠯᠭᠠᠵᠤ ᠲᠠᠩᠰᠠᠨ ᠠᠴᠠ ᠬᠠᠰᠤᠬᠤ ᠭᠠᠷ ᠬᠦᠢᠴᠡᠳᠭᠡᠯ ᠢ ᠬᠢᠬᠦ ᠬᠡᠷᠡᠭᠳᠡᠢ᠄      ︵ᠨᠢᠬᠡ︶ ᠵᠠᠰᠠᠭ ᠵᠠᠬᠢᠷᠭᠠᠨ ᠤ ᠵᠦᠪᠰᠢᠶᠡᠷᠡᠯ ᠤᠨ ᠬᠦᠴᠦᠨ ᠲᠠᠢ ᠬᠤᠭᠤᠴᠠᠭ᠎ᠠ ᠲᠦᠬᠦᠷᠴᠤ ᠡᠰᠡ ᠤᠷᠳᠤᠳᠬᠠᠭᠰᠠᠨ︔      ︵ᠬᠤᠶᠠᠷ︶ ᠠᠷᠠᠳ ᠢᠷᠭᠡᠨ ᠳᠤ ᠲᠤᠰᠬᠠᠢ ᠬᠢᠷᠢ ᠬᠡᠮ ᠤᠯᠭᠤᠭᠰᠠᠨ ᠵᠠᠰᠠᠭ ᠵᠠᠬᠢᠷᠭᠠᠨ ᠤ ᠵᠦᠪᠰᠢᠶᠡᠷᠡᠯ ᠤᠨ ᠲᠤᠰ ᠠᠷᠠᠳ ᠢᠷᠭᠡᠨ ᠨᠢ ᠦᠬᠦᠭᠰᠡᠨ ᠪᠤᠶᠤ ᠠᠵᠢᠯᠯᠠᠭᠠᠨ ᠤ ᠴᠢᠳᠠᠪᠤᠷᠢ ᠪᠠᠨ ᠠᠯᠳᠠᠭᠰᠠᠨ︔      ︵ᠭᠤᠷᠪᠠ︶ ᠬᠠᠤᠯᠢ ᠶᠢᠨ ᠬᠦᠮᠦᠨ ᠪᠤᠶᠤ ᠪᠤᠰᠤᠳ ᠵᠤᠬᠢᠶᠠᠨ ᠪᠠᠶᠢᠭᠤᠯᠤᠯᠳᠠ ᠬᠠᠤᠯᠢ ᠶᠤᠰᠤᠭᠠᠷ ᠲᠠᠭᠤᠰᠤᠭᠰᠠᠨ︔      ︵ᠲᠦᠷᠪᠡ︶ ᠵᠠᠰᠠᠭ ᠵᠠᠬᠢᠷᠭᠠᠨ ᠤ ᠵᠦᠪᠰᠢᠶᠡᠷᠡᠯ ᠨᠢ ᠬᠠᠤᠯᠢ ᠶᠤᠰᠤᠭᠠᠷ ᠬᠦᠴᠦᠨ ᠦᠬᠡᠢ ᠪᠤᠯᠭᠠᠭᠳᠠᠵᠤ᠂ ᠪᠤᠴᠠᠭᠠᠭᠳᠠᠭᠰᠠᠨ ᠪᠤᠶᠤ ᠵᠠᠰᠠᠬ ᠵᠠᠬᠢᠷᠭᠠᠨ ᠤ ᠵᠦᠪᠰᠢᠶᠡᠷᠡᠯ ᠤᠨ ᠦᠨᠡᠮᠯᠡᠯ ᠨᠢ ᠬᠠᠤᠯᠢ ᠶᠤᠰᠤᠭᠠᠷ ᠬᠤᠷᠢᠶᠠᠭᠳᠠᠵᠤ ᠬᠦᠴᠦᠨ ᠦᠬᠡᠢ ᠪᠤᠯᠭᠠᠭᠳᠠᠭᠰᠠᠨ︔      ︵ᠲᠠᠪᠤ︶ ᠲᠠᠪᠠᠭᠳᠠᠰᠢ ᠦᠬᠡᠢ ᠬᠦᠴᠦᠨ ᠠᠴᠠ ᠪᠤᠯᠵᠤ ᠵᠠᠰᠠᠭ ᠵᠠᠬᠢᠷᠭᠠᠨ ᠤ ᠵᠦᠪᠰᠢᠶᠡᠷᠡᠯ ᠤᠨ ᠵᠦᠢᠯ ᠤᠳ ᠢ ᠭᠡᠷᠡᠭᠵᠢᠬᠦᠯᠬᠦ ᠶᠢᠨ ᠠᠷᠭ᠎ᠠ ᠦᠬᠡᠢ ᠪᠤᠯᠤᠭᠰᠠᠨ︔      ︵ᠵᠢᠷᠭᠤᠭ᠎ᠠ︶ ᠵᠠᠰᠠᠭ ᠵᠠᠬᠢᠷᠭᠠᠨ ᠤ ᠵᠦᠪᠰᠢᠶᠡᠷᠡᠯ ᠢ ᠬᠦᠴᠦᠨ ᠦᠬᠡᠢ ᠪᠤᠯᠭᠠᠬᠤ ᠶᠤᠰᠤᠳᠠᠢ ᠬᠡᠵᠤ ᠬᠠᠤᠯᠢ ᠴᠠᠭᠠᠵᠠ᠂ ᠬᠠᠤᠯᠢ ᠲᠤᠭᠳᠠᠭᠠᠯ ᠳᠤ ᠲᠤᠭᠳᠠᠭᠠᠭᠰᠠᠨ ᠪᠤᠰᠤᠳ ᠪᠠᠶᠢᠳᠠᠯ᠃      ᠲᠤᠯᠤᠳᠤᠭᠠᠷ ᠪᠦᠯᠦᠭ   ᠬᠠᠤᠯᠢ ᠶᠢᠨ ᠬᠠᠷᠢᠭᠤᠴᠠᠯᠭ᠎ᠠ      ᠲᠠᠯᠠᠨ ᠨᠢᠬᠡᠳᠦᠬᠡᠷ ᠵᠦᠢᠯ   ᠲᠤᠰ ᠬᠠᠤᠯᠢ ᠶᠢᠨ ᠠᠷᠪᠠᠨ ᠲᠤᠯᠤᠳᠤᠭᠠᠷ ᠵᠦᠢᠯ ᠤᠨ ᠲᠤᠭᠳᠠᠭᠠᠯ ᠢ ᠵᠦᠷᠢᠴᠡᠵᠤ ᠲᠤᠭᠳᠠᠭᠠᠭᠰᠠᠨ ᠵᠠᠰᠠᠭ ᠵᠠᠬᠢᠷᠭᠠᠨ ᠤ ᠵᠦᠪᠰᠢᠶᠡᠷᠡᠯ ᠪᠠᠶᠢᠪᠠᠯ᠂ ᠬᠤᠯᠪᠤᠭᠳᠠᠯ ᠪᠦᠬᠦᠢ ᠪᠠᠶᠢᠭᠤᠯᠭ᠎ᠠ ᠲᠤᠰ ᠵᠠᠰᠠᠭ ᠵᠠᠬᠢᠷᠭᠠᠨ ᠤ ᠵᠦᠪᠰᠢᠶᠡᠷᠡᠯ ᠢ ᠲᠤᠭᠳᠠᠭᠠᠭᠰᠠᠨ ᠪᠠᠶᠢᠭᠤᠯᠭ᠎ᠠ ᠶᠢ ᠵᠠᠷᠯᠢᠭᠳᠠᠨ ᠵᠠᠯᠠᠷᠠᠭᠤᠯᠤᠭᠤᠯᠬᠤ ᠪᠤᠶᠤ ᠬᠠᠤᠯᠢ ᠶᠤᠰᠤᠭᠠᠷ ᠬᠦᠴᠦᠨ ᠦᠬᠡᠢ ᠪᠤᠯᠭᠠᠬᠤ ᠭᠡᠷᠡᠭᠳᠡᠢ᠃      ᠲᠠᠯᠠᠨ ᠬᠤᠶᠠᠳᠤᠭᠠᠷ ᠵᠦᠢᠯ   ᠵᠠᠰᠠᠭ ᠵᠠᠬᠢᠷᠭᠠᠨ ᠤ ᠪᠠᠶᠢᠭᠤᠯᠭ᠎ᠠ ᠵᠢᠴᠢ ᠲᠡᠬᠦᠨ ᠤ ᠠᠵᠢᠯᠳᠠᠨ ᠲᠤᠰ ᠬᠠᠤᠯᠢ ᠶᠢᠨ ᠲᠤᠭᠳᠠᠭᠠᠯ ᠢ ᠵᠦᠷᠢᠴᠡᠵᠤ᠂ ᠲᠤᠤᠷ᠎ᠠ ᠵᠢᠭᠰᠠᠭᠠᠭᠰᠠᠨ ᠪᠠᠶᠢᠳᠠᠯ ᠤᠳ ᠤᠨ ᠨᠢᠬᠡ ᠶᠢ ᠭᠠᠷᠭᠠᠭᠰᠠᠨ ᠪᠠᠶᠢᠪᠠᠯ᠂ ᠲᠡᠬᠦᠨ ᠤ ᠲᠡᠭᠡᠳᠦ ᠱᠠᠳᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠬᠢᠨᠠᠨ ᠪᠠᠶᠢᠴᠠᠭᠠᠬᠤ ᠪᠠᠶᠢᠭᠤᠯᠭ᠎ᠠ ᠠᠴᠠ ᠵᠠᠷᠯᠢᠭᠳᠠᠨ ᠵᠠᠯᠠᠷᠠᠭᠤᠯᠤᠭᠤᠯᠤᠨ᠎ᠠ︔ ᠦᠢᠯᠡ ᠪᠠᠶᠢᠳᠠᠯ ᠨᠢ ᠬᠦᠨᠳᠦ ᠨᠤᠴᠢᠳᠠᠢ ᠪᠠᠶᠢᠪᠠᠯ᠂ ᠰᠢᠭᠤᠳ ᠬᠠᠷᠢᠭᠤᠴᠠᠭᠰᠠᠨ ᠡᠷᠬᠢᠯᠡᠨ ᠬᠠᠮᠢᠶᠠᠷᠬᠤ ᠬᠦᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠰ ᠲᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠠ᠄      ︵ᠨᠢᠬᠡ︶ ᠬᠠᠤᠯᠢ ᠳᠤ ᠲᠤᠭᠳᠠᠭᠠᠭᠰᠠᠨ ᠨᠦᠬᠦᠴᠡᠯ ᠳᠤ ᠨᠡᠶᠢᠴᠡᠭᠰᠡᠨ ᠵᠠᠰᠠᠭ ᠵᠠᠬᠢᠷᠭᠠᠨ ᠤ ᠵᠦᠪᠰᠢᠶᠡᠷᠡᠯ ᠠᠪᠬᠤ ᠭᠤᠶᠤᠴᠢᠯᠠᠯ ᠢ ᠦᠯᠦ ᠬᠦᠯᠢᠶᠡᠨ ᠠᠪᠴᠤ ᠰᠢᠢᠳᠪᠤᠷᠢᠯᠡᠭᠰᠡᠨ︔      ︵ᠬᠤᠶᠠᠷ︶ ᠬᠠᠤᠯᠢ ᠶᠤᠰᠤᠭᠠᠷ ᠵᠡᠷᠯᠠᠨ ᠨᠡᠶᠢᠳᠡᠯᠡᠬᠦ ᠶᠤᠰᠤᠳᠠᠢ ᠮᠠᠲ᠋ᠧᠷᠢᠶᠠᠯ ᠢ ᠠᠯᠪᠠᠨ ᠭᠠᠵᠠᠷ ᠲᠠᠭᠠᠨ ᠦᠯᠦ ᠨᠡᠶᠢᠳᠡᠯᠡᠭᠰᠡᠨ︔      ︵ᠭᠤᠷᠪᠠ︶ ᠵᠠᠰᠠᠭ ᠵᠠᠬᠢᠷᠭᠠᠨ ᠤ ᠵᠦᠪᠰᠢᠶᠡᠷᠡᠯ ᠢ ᠬᠦᠯᠢᠶᠡᠨ ᠠᠪᠴᠤ ᠰᠢᠢᠳᠪᠤᠷᠢᠯᠡᠬᠦ᠂ ᠬᠢᠨᠠᠨ ᠪᠠᠶᠢᠴᠠᠭᠠᠬᠤ ᠪᠡ ᠵᠠᠰᠠᠭ ᠵᠠᠬᠢᠷᠭᠠᠨ ᠤ ᠵᠦᠪᠰᠢᠶᠡᠷᠡᠯ ᠤᠨ ᠲᠤᠭᠳᠠᠭᠠᠯ ᠭᠠᠷᠭᠠᠬᠤ ᠶᠠᠪᠤᠴᠠ ᠳᠤ᠂ ᠭᠤᠶᠤᠴᠢᠯᠠᠭᠴᠢ᠂ ᠠᠰᠢᠭ ᠬᠤᠤᠷ ᠤᠨ ᠬᠠᠷᠢᠴᠠᠭ᠎ᠠ ᠲᠠᠢ ᠬᠦᠮᠦᠨ ᠳᠤ ᠬᠠᠤᠯᠢ ᠳᠤ ᠲᠤᠭᠳᠠᠭᠠᠭᠰᠠᠨ ᠮᠡᠳᠡᠭᠳᠡᠬᠦ ᠡᠬᠦᠷᠭᠡ ᠪᠠᠨ ᠦᠯᠦ ᠬᠦᠢᠴᠡᠳᠭᠡᠭᠰᠡᠨ︔      ︵ᠲᠦᠷᠪᠡ︶ ᠭᠤᠶᠤᠴᠢᠯᠠᠭᠴᠢ ᠶᠢᠨ ᠲᠡᠪᠰᠢᠬᠦᠯᠦᠨ ᠲᠤᠰᠢᠶᠠᠭᠰᠠᠨ ᠭᠤᠶᠤᠴᠢᠯᠠᠬᠤ ᠮᠠᠲ᠋ᠧᠷᠢᠶᠠᠯ ᠨᠢ ᠪᠦᠷᠢᠨ ᠬᠦᠢᠴᠡᠳ ᠪᠤᠰᠤ᠂ ᠬᠠᠤᠯᠢ ᠳᠤ ᠲᠤᠭᠳᠠᠭᠠᠭᠰᠠᠨ ᠬᠡᠯᠪᠡᠷᠢ ᠳᠤ ᠨᠡᠶᠢᠴᠡᠬᠦ ᠦᠬᠡᠢ ᠪᠠᠶᠢᠬᠤ ᠦᠶ᠎ᠠ ᠳᠤ᠂ ᠭᠤᠶᠤᠴᠢᠯᠠᠭᠴᠢ ᠳᠤ ᠡᠷᠭᠡᠪᠰᠢ ᠨᠦᠬᠦᠪᠦᠷᠢᠯᠡᠨ ᠵᠠᠯᠠᠷᠠᠭᠤᠯᠬᠤ ᠭᠡᠷᠡᠭᠳᠡᠢ ᠪᠦᠬᠦ ᠠᠭᠤᠯᠭ᠎ᠠ ᠶᠢ ᠨᠢᠬᠡᠯᠡ ᠲᠤᠤᠷ᠎ᠠ ᠦᠯᠦ ᠮᠡᠳᠡᠭᠳᠡᠭᠰᠡᠨ︔      ︵ᠲᠠᠪᠤ︶ ᠵᠠᠰᠠᠭ ᠵᠠᠬᠢᠷᠭᠠᠨ ᠤ ᠵᠦᠪᠰᠢᠶᠡᠷᠡᠯ ᠠᠪᠬᠤ ᠭᠤᠶᠤᠴᠢᠯᠠᠯ ᠢ ᠬᠦᠯᠢᠶᠠᠨ ᠠᠪᠴᠤ ᠰᠢᠢᠳᠪᠤᠷᠢᠯᠡᠬᠦ ᠦᠬᠡᠢ ᠪᠤᠶᠤ ᠵᠠᠰᠠᠬ ᠵᠠᠬᠢᠷᠭᠠᠨ ᠤ ᠵᠦᠪᠰᠢᠶᠡᠷᠡᠯ ᠦᠭᠭᠦ ᠦᠬᠡᠢ ᠰᠢᠯᠳᠠᠭᠠᠨ ᠢᠶᠠᠨ ᠬᠠᠤᠯᠢ ᠶᠤᠰᠤᠭᠠᠷ ᠦᠯᠦ ᠲᠠᠶᠢᠯᠪᠤᠷᠢᠯᠠᠭᠰᠠᠨ︔      ︵ᠵᠢᠷᠭᠤᠭ᠎ᠠ︶ ᠬᠠᠤᠯᠢ ᠶᠤᠰᠤᠭᠠᠷ ᠭᠡᠷᠡᠴᠢᠯᠡᠭᠡ ᠰᠤᠨᠤᠰᠬᠤ ᠶᠤᠰᠤᠳᠠᠢ ᠪᠠᠶᠢᠳᠠᠯ᠎ᠠ ᠭᠡᠷᠡᠴᠢᠯᠡᠭᠡ ᠦᠯᠦ ᠰᠤᠨᠤᠰᠤᠭᠰᠠᠨ᠃      ᠲᠠᠯᠠᠨ ᠭᠤᠷᠪᠠᠳᠤᠭᠠᠷ ᠵᠦᠢᠯ   ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠵᠢᠯᠳᠠᠨ ᠵᠠᠰᠠᠭ ᠵᠠᠬᠢᠷᠭᠠᠨ ᠤ ᠵᠦᠪᠰᠢᠶᠡᠷᠡᠯ ᠤᠨ ᠠᠵᠢᠯ ᠢ ᠡᠷᠬᠢᠯᠡᠬᠦ᠂ ᠬᠢᠨᠠᠯᠳᠠ ᠪᠠᠶᠢᠴᠠᠭᠠᠯᠳᠠ ᠬᠢᠬᠦ ᠳᠡᠭᠡᠨ ᠪᠤᠰᠤᠳ ᠤᠨ ᠵᠤᠭᠤᠰ ᠮᠦᠡᠭᠬᠦ ᠡᠳ᠋ ᠪᠤᠳᠠᠰ ᠢ ᠨᠡᠭᠡᠨ ᠠᠪᠴᠤ᠂ ᠬᠦᠯᠢᠶᠡᠨ ᠠᠪᠤᠭᠰᠠᠨ ᠪᠤᠶᠤ ᠪᠤᠰᠤᠳ ᠠᠰᠢᠭ ᠲᠤᠰᠠ ᠶᠢ ᠤᠯᠤᠭᠠᠳ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠠ︔ ᠬᠠᠷᠠᠬᠠᠨ ᠶᠠᠯ᠎ᠠ ᠪᠤᠯᠵᠤ ᠪᠦᠷᠢᠯᠳᠦᠭᠰᠡᠨ ᠦᠬᠡᠢ ᠪᠠᠶᠢᠪᠠᠯ᠂ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠠ᠃      ᠲᠠᠯᠠᠨ ᠲᠦᠷᠪᠡᠳᠦᠬᠡᠷ ᠵᠦᠢᠯ   ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠵᠠᠬᠢᠷᠭᠠᠨ ᠤ ᠵᠦᠪᠰᠢᠶᠡᠷᠡᠯ ᠢ ᠬᠡᠷᠡᠭᠵᠢᠬᠦᠯᠬᠦ ᠳᠡᠭᠡᠨ ᠲᠤᠤᠷ᠎ᠠ ᠵᠢᠭᠰᠠᠭᠠᠭᠰᠠᠨ ᠪᠠᠶᠢᠳᠠᠯ ᠤᠳ ᠤᠨ ᠨᠢᠬᠡ ᠶᠢ ᠭᠠᠷᠭᠠᠭᠰᠠᠨ ᠪᠠᠶᠢᠪᠠᠯ᠂ ᠲᠡᠬᠦᠨ ᠤ ᠲᠡᠭᠡᠳᠦ ᠱᠠᠳᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠬᠢᠨᠠᠨ ᠪᠠᠶᠢᠴᠠᠭᠠᠬᠤ ᠪᠠᠶᠢᠭᠤᠯᠭ᠎ᠠ ᠠᠴᠠ ᠵᠠᠷᠯᠢᠭᠳᠠᠨ ᠵᠠᠯᠠᠷᠠᠭᠤᠯᠤᠭᠤᠯᠵᠤ᠂ ᠰᠢᠭᠤᠳ ᠬᠠᠷᠢᠭᠤᠴᠠᠭᠰᠠᠨ ᠡᠷᠬᠢᠯᠡᠨ ᠬᠠᠮᠢᠶᠠᠷᠬᠤ ᠬᠦᠮᠦᠨ ᠪᠤᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠰ ᠲᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠠ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠠᠨ᠎ᠠ᠄      ︵ᠨᠢᠬᠡ︶ ᠬᠠᠤᠯᠢ ᠳᠤ ᠲᠤᠭᠳᠠᠭᠠᠭᠰᠠᠨ ᠨᠦᠬᠦᠴᠡᠯ ᠳᠤ ᠦᠯᠦ ᠨᠡᠶᠢᠴᠡᠬᠦ ᠭᠤᠶᠤᠴᠢᠯᠠᠭᠴᠢ ᠳᠤ ᠵᠠᠰᠠᠬ ᠵᠠᠬᠢᠷᠭᠠᠨ ᠤ ᠵᠦᠪᠰᠢᠶᠡᠷᠡᠯ ᠦᠭᠬᠦᠭᠰᠡᠨ ᠪᠤᠶᠤ ᠬᠠᠤᠯᠢ ᠳᠤ ᠲᠤᠭᠳᠠᠭᠠᠭᠰᠠᠨ ᠡᠷᠭᠡ ᠲᠤᠰᠢᠶᠠᠯ ᠤᠨ ᠭᠡᠪᠴᠢᠶᠠᠨ ᠠᠴᠠ ᠪᠠᠨ ᠲᠠᠪᠠᠵᠤ ᠵᠠᠰᠠᠭ ᠵᠠᠬᠢᠷᠭᠠᠨ ᠤ ᠵᠦᠪᠰᠢᠶᠡᠷᠡᠯ ᠦᠭᠬᠦ ᠲᠤᠭᠳᠠᠭᠠᠯ ᠭᠠᠷᠭᠠᠭᠰᠠᠨ︔      ︵ᠬᠤᠶᠠᠷ︶ ᠬᠠᠤᠯᠢ ᠳᠤ ᠲᠤᠭᠳᠠᠭᠠᠭᠰᠠᠨ ᠨᠦᠬᠦᠴᠡᠯ ᠳᠤ ᠨᠡᠶᠢᠴᠡᠬᠦ ᠭᠤᠶᠤᠴᠢᠯᠠᠭᠴᠢ ᠳᠤ ᠵᠠᠰᠠᠬ ᠵᠠᠬᠢᠷᠭᠠᠨ ᠤ ᠵᠦᠪᠰᠢᠶᠡᠷᠡᠯ ᠦᠭᠬᠦᠭᠰᠡᠨ ᠦᠬᠡᠢ ᠪᠤᠶᠤ ᠬᠠᠤᠯᠢ ᠳᠤ ᠲᠤᠭᠳᠠᠭᠠᠭᠰᠠᠨ ᠬᠤᠭᠤᠴᠠᠭᠠᠨ ᠲᠤᠳᠤᠷ᠎ᠠ ᠵᠠᠰᠠᠭ ᠵᠠᠬᠢᠷᠭᠠᠨ ᠤ ᠵᠦᠪᠰᠢᠶᠡᠷᠡᠯ ᠦᠭᠬᠦ ᠲᠤᠭᠳᠠᠭᠠᠯ ᠦᠯᠦ ᠭᠠᠷᠭᠠᠭᠰᠠᠨ︔      ︵ᠭᠤᠷᠪᠠ︶ ᠬᠠᠤᠯᠢ ᠶᠤᠰᠤᠭᠠᠷ ᠲᠠᠭᠠᠭᠠᠴᠢᠯᠠᠯᠳᠠ ᠵᠠᠷᠯᠠᠬᠰᠠᠨ᠂ ᠦᠨ᠎ᠠ ᠬᠠᠶᠠᠵᠤ ᠬᠤᠳᠠᠯᠳᠤᠭᠰᠠᠨ ᠦᠷ᠎ᠠ ᠳ᠋ᠦᠩ ᠪᠤᠶᠤ ᠰᠢᠯᠭᠠᠯᠳᠠ ᠶᠢᠨ ᠬᠢᠷᠢ ᠪᠦᠳᠦᠮᠵᠢ ᠶᠢ ᠦᠨᠳᠦᠰᠦᠯᠡᠨ ᠰᠢᠯᠢᠳᠡᠭ ᠢ ᠨᠢ ᠰᠤᠩᠭᠤᠵᠤ ᠵᠠᠰᠠᠭ ᠵᠠᠬᠢᠷᠭᠠᠨ ᠤ ᠵᠦᠪᠰᠢᠶᠡᠷᠡᠯ ᠦᠭᠬᠦ ᠲᠤᠭᠳᠠᠭᠠᠯ ᠭᠠᠷᠭᠠᠪᠠᠯ ᠵᠤᠬᠢᠬᠤ ᠶᠤᠰᠤᠳᠠᠢ ᠠᠳᠠᠯ᠎ᠠ ᠲᠠᠭᠠᠭᠠᠴᠢᠯᠠᠯᠳᠠ ᠵᠠᠷᠯᠠᠬᠤ᠂ ᠦᠨ᠎ᠠ ᠬᠠᠶᠠᠵᠤ ᠬᠤᠳᠠᠯᠳᠤᠬᠤ ᠪᠤᠶᠤ ᠰᠢᠯᠭᠠᠯᠳᠠ ᠪᠠᠷ ᠲᠠᠮᠵᠢᠭᠰᠠᠨ ᠦᠬᠡᠢ᠂ ᠡᠰᠡᠬᠦᠯ᠎ᠠ ᠲᠠᠭᠠᠭᠠᠴᠢᠯᠠᠯᠳᠠ ᠵᠠᠷᠯᠠᠭᠰᠠᠨ᠂ ᠦᠨ᠎ᠠ ᠬᠠᠶᠠᠵᠤ ᠬᠤᠳᠠᠯᠳᠤᠭᠰᠠᠨ ᠦᠷ᠎ᠠ ᠳ᠋ᠦᠩ ᠪᠤᠶᠤ ᠰᠢᠯᠭᠠᠯᠳᠠ ᠶᠢᠨ ᠬᠢᠷᠢ ᠪᠦᠳᠦᠮᠵᠢ ᠶᠢ ᠦᠨᠳᠦᠰᠦᠯᠡᠵᠤ ᠰᠢᠯᠢᠳᠡᠭ ᠢ ᠨᠢ ᠰᠤᠩᠭᠤᠭᠰᠠᠨ ᠦᠬᠡᠢ ᠪᠠᠷ ᠵᠠᠰᠠᠭ ᠵᠠᠬᠢᠷᠭᠠᠨ ᠤ ᠵᠦᠪᠰᠢᠶᠡᠷᠡᠯ ᠦᠭᠬᠦ ᠲᠤᠭᠳᠠᠭᠠᠯ ᠭᠠᠷᠭᠠᠭᠰᠠᠨ︔      ᠲᠠᠯᠠᠨ ᠲᠠᠪᠤᠳᠤᠭᠠᠷ ᠵᠦᠢᠯ   ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠵᠠᠬᠢᠷᠭᠠᠨ ᠤ ᠵᠦᠪᠰᠢᠶᠡᠷᠡᠯ ᠢ ᠭᠡᠷᠡᠭᠵᠢᠬᠦᠯᠬᠦ ᠳᠡᠭᠡᠨ ᠲᠤᠷ᠎ᠠ ᠪᠠᠷ ᠢᠶᠠᠨ ᠰᠦᠢᠳᠭᠡᠯ ᠬᠤᠷᠢᠶᠠᠭᠰᠠᠨ ᠪᠤᠶᠤ ᠬᠠᠤᠯᠢ ᠳᠤ ᠲᠤᠭᠳᠠᠭᠠᠭᠰᠠᠨ ᠵᠦᠢᠯ ᠪᠠ ᠪᠠᠷᠢᠮᠵᠢᠶ᠎ᠠ ᠶᠤᠰᠤᠭᠠᠷ ᠰᠦᠢᠳᠭᠡᠯ ᠬᠤᠷᠢᠶᠠᠭᠰᠠᠨ ᠪᠢᠰᠢ ᠪᠠᠶᠢᠪᠠᠯ᠂ ᠲᠡᠬᠦᠨ ᠤ ᠲᠡᠭᠡᠳᠦ ᠱᠠᠳᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠬᠢᠨᠠᠨ ᠪᠠᠶᠢᠴᠠᠭᠠᠬᠤ ᠪᠠᠶᠢᠭᠤᠯᠭ᠎ᠠ ᠠᠴᠠ ᠬᠠᠤᠯᠢ ᠪᠤᠰᠤ ᠪᠠᠷ ᠬᠤᠷᠢᠶᠠᠨ ᠠᠪᠤᠭᠰᠠᠨ ᠰᠦᠢᠳᠭᠡᠯ ᠢ ᠵᠠᠷᠯᠢᠭᠳᠠᠨ ᠪᠤᠴᠠᠭᠠᠯᠭᠠᠨ᠎ᠠ︔ ᠰᠢᠭᠤᠳ ᠬᠠᠷᠢᠭᠤᠴᠠᠭᠰᠠᠨ ᠡᠷᠬᠢᠯᠡᠨ ᠬᠠᠮᠢᠶᠠᠷᠬᠤ ᠬᠦᠮᠦᠨ ᠪᠤᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠰ ᠲᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠠ᠃      ᠵᠠᠰᠠᠭ ᠵᠠᠬᠢᠷᠭᠠᠨ ᠤ ᠵᠦᠪᠰᠢᠶᠡᠷᠡᠯ ᠢ ᠭᠡᠷᠡᠭᠵᠢᠬᠦᠯᠦᠭᠡᠳ ᠬᠠᠤᠯᠢ ᠶᠤᠰᠤᠭᠠᠷ ᠬᠤᠷᠢᠶᠠᠨ ᠠᠪᠤᠭᠰᠠᠨ ᠰᠦᠢᠳᠭᠡᠯ ᠢ ᠦᠯᠡᠳᠡᠭᠡᠨ ᠠᠪᠤᠭᠰᠠᠨ ᠂ ᠨᠡᠬᠦᠯᠬᠡᠨ ᠭᠡᠷᠡᠭᠯᠡᠭᠰᠡᠨ᠂ ᠬᠤᠪᠢᠳᠠᠨ ᠬᠤᠪᠢᠶᠠᠭᠰᠠᠨ ᠪᠤᠶᠤ ᠭᠡᠯᠪᠡᠷᠢ ᠶᠢ ᠨᠢ ᠦᠬᠡᠷᠡᠳᠡᠬᠦᠯᠦᠨ ᠬᠤᠪᠢᠳᠠᠨ ᠬᠤᠪᠢᠶᠠᠭᠰᠠᠨ ᠪᠠᠶᠢᠪᠠᠯ᠂ ᠨᠡᠭᠡᠮᠵᠢᠯᠡᠨ ᠲᠤᠰᠢᠶᠠᠯᠭᠠᠨ᠎ᠠ︔ ᠰᠢᠭᠤᠳ ᠬᠠᠷᠢᠭᠤᠴᠠᠭᠰᠠᠨ ᠡᠷᠬᠢᠯᠡᠨ ᠬᠠᠮᠢᠶᠠᠷᠬᠤ ᠬᠦᠮᠦᠨ ᠪᠤᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠰ ᠲᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠠ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠠ᠃      ᠲᠠᠯᠠᠨ ᠵᠢᠷᠭᠤᠳᠤᠭᠠᠷ ᠵᠦᠢᠯ   ᠵᠠᠰᠠᠭ ᠵᠠᠬᠢᠷᠭᠠᠨ ᠤ ᠪᠠᠶᠢᠭᠤᠯᠭ᠎ᠠ ᠬᠠᠤᠯᠢ ᠶᠢ ᠵᠦᠷᠢᠴᠡᠨ ᠵᠠᠰᠠᠭ ᠵᠠᠬᠢᠷᠭᠠᠨ ᠤ ᠵᠦᠪᠰᠢᠶᠡᠷᠡᠯ ᠢ ᠭᠡᠷᠡᠭᠵᠢᠬᠦᠯᠦᠭᠡᠳ ᠲᠤᠬᠠᠢ ᠶᠢᠨ ᠬᠦᠮᠦᠨ ᠤ ᠬᠠᠤᠯᠢ ᠶᠤᠰᠤᠨ ᠤ ᠡᠷᠭᠡ ᠠᠰᠢᠭ ᠲᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠤᠯᠤᠰ ᠤᠨ ᠲᠦᠯᠦᠪᠦᠷᠢ ᠶᠢᠨ ᠬᠠᠤᠯᠢ ᠶᠢᠨ ᠲᠤᠭᠳᠠᠭᠠᠯ ᠶᠤᠰᠤᠭᠠᠷ ᠲᠦᠯᠦᠪᠦᠷᠢ ᠦᠭᠬᠦ ᠭᠡᠷᠡᠭᠳᠡᠢ᠃      ᠲᠠᠯᠠᠨ ᠲᠤᠯᠤᠳᠤᠭᠠᠷ ᠵᠦᠢᠯ   ᠵᠠᠰᠠᠭ ᠵᠠᠬᠢᠷᠭᠠᠨ ᠤ ᠪᠠᠶᠢᠭᠤᠯᠭ᠎ᠠ ᠬᠠᠤᠯᠢ ᠶᠤᠰᠤᠭᠠᠷ ᠬᠢᠨᠠᠯᠳᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠦᠬᠡᠢ ᠪᠤᠶᠤ ᠴᠢᠩᠭ᠎ᠠ ᠬᠢᠨᠠᠯᠳᠠ ᠲᠠᠯᠪᠢᠭᠰᠠᠨ ᠦᠬᠡᠢ ᠠᠴᠠ ᠪᠤᠯᠵᠤ ᠬᠦᠨᠳᠦ ᠨᠤᠴᠢᠳᠠᠢ ᠤᠷᠰᠢᠭ ᠭᠠᠷᠭᠠᠭᠰᠠᠨ ᠪᠠᠶᠢᠪᠠᠯ᠂ ᠲᠡᠬᠦᠨ ᠤ ᠲᠡᠭᠡᠳᠦ ᠱᠠᠳᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠬᠢᠨᠠᠨ ᠪᠠᠶᠢᠴᠠᠭᠠᠬᠤ ᠪᠠᠶᠢᠭᠤᠯᠭ᠎ᠠ ᠠᠴᠠ ᠵᠠᠷᠯᠢᠭᠳᠠᠨ ᠵᠠᠯᠠᠷᠠᠭᠤᠯᠤᠭᠤᠯᠵᠤ᠂ ᠰᠢᠭᠤᠳ ᠬᠠᠷᠢᠭᠤᠴᠠᠭᠰᠠᠨ ᠡᠷᠬᠢᠯᠡᠨ ᠬᠠᠮᠢᠶᠠᠷᠬᠤ ᠬᠦᠮᠦᠨ ᠪᠤᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠰ ᠲᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠠ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠠ᠃      ᠲᠠᠯᠠᠨ ᠨᠠᠢᠮᠠᠳᠤᠭᠠᠷ ᠵᠦᠢᠯ   ᠵᠠᠰᠠᠭ ᠵᠠᠬᠢᠷᠭᠠᠨ ᠤ ᠵᠦᠪᠰᠢᠶᠡᠷᠡᠯ ᠠᠪᠬᠤ ᠪᠠᠷ ᠭᠤᠶᠤᠴᠢᠯᠠᠭᠴᠢ ᠬᠤᠯᠪᠤᠭᠳᠠᠯ ᠪᠦᠬᠦᠢ ᠪᠠᠶᠢᠳᠠᠯ ᠢᠶᠠᠨ ᠨᠢᠭᠤᠨ ᠲᠠᠯᠠᠳᠠᠯᠠᠭᠰᠠᠨ ᠪᠤᠶᠤ ᠬᠤᠳᠠᠯ ᠬᠠᠭᠤᠷᠮᠠᠭ ᠮᠠᠲ᠋ᠧᠷᠢᠶᠠᠯ ᠬᠠᠨᠭ᠍ᠭᠠᠵᠤ ᠵᠠᠰᠠᠭ ᠵᠠᠬᠢᠷᠭᠠᠨ ᠤ ᠵᠦᠪᠰᠢᠶᠡᠷᠡᠯ ᠠᠪᠬᠤ ᠪᠠᠷ ᠭᠤᠶᠤᠴᠢᠯᠠᠭᠰᠠᠨ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠬᠦᠯᠢᠶᠠᠨ ᠠᠪᠴᠤ ᠰᠢᠢᠳᠪᠤᠷᠢᠯᠡᠬᠦ ᠦᠬᠡᠢ ᠪᠤᠶᠤ ᠵᠠᠰᠠᠭ ᠵᠠᠬᠢᠷᠭᠠᠨ ᠤ ᠵᠦᠪᠰᠢᠶᠡᠷᠡᠯ ᠦᠭᠭᠦ ᠦᠬᠡᠢ ᠮᠦᠷᠳᠡᠭᠡᠨ ᠰᠡᠷᠡᠮᠵᠢ ᠦᠭᠬᠦᠨ᠎ᠠ︔ ᠵᠠᠰᠠᠭ ᠵᠠᠬᠢᠷᠭᠠᠨ ᠤ ᠵᠦᠪᠰᠢᠶᠡᠷᠡᠯ ᠠᠪᠬᠤ ᠭᠤᠶᠤᠴᠢᠯᠠᠯ ᠨᠢ ᠤᠯᠠᠨ ᠨᠡᠶᠢᠳᠡ ᠶᠢᠨ ᠠᠮᠤᠷ ᠲᠦᠪᠰᠢᠨ᠂ ᠬᠦᠮᠦᠨ ᠤ ᠪᠠᠶ᠎ᠠ ᠶᠢᠨ ᠡᠷᠡᠬᠦᠯ ᠮᠠᠨᠳᠤ᠂ ᠠᠮᠢ ᠨᠠᠰᠤ ᠡᠳ᠋ ᠬᠦᠷᠦᠩᠬᠡ ᠶᠢᠨ ᠠᠮᠤᠷ ᠲᠦᠪᠰᠢᠨ ᠳᠤ ᠰᠢᠭᠤᠳ ᠬᠤᠯᠪᠤᠭᠳᠠᠬᠤ ᠵᠦᠢᠯ ᠤᠳ ᠪᠠᠶᠢᠪᠠᠯ᠂ ᠭᠤᠶᠤᠴᠢᠯᠠᠭᠴᠢ ᠨᠢ ᠨᠢᠬᠡ ᠵᠢᠯ ᠤᠨ ᠲᠤᠳᠤᠷ᠎ᠠ ᠲᠤᠰ ᠵᠠᠰᠠᠭ ᠵᠠᠬᠢᠷᠭᠠᠨ ᠤ ᠵᠦᠪᠰᠢᠶᠡᠷᠡᠯ ᠢ ᠠᠪᠬᠤ ᠪᠠᠷ ᠲᠠᠬᠢᠨᠳᠠ ᠭᠤᠶᠤᠴᠢᠯᠠᠵᠤ ᠪᠤᠯᠬᠤ ᠦᠬᠡᠢ᠃      ᠲᠠᠯᠠ ᠶᠢᠰᠦᠳᠦᠬᠡᠷ ᠵᠦᠢᠯ   ᠵᠦᠪᠰᠢᠶᠡᠷᠡᠭᠳᠡᠭᠴᠢ ᠮᠡᠭᠡᠯᠡᠬᠦ᠂ ᠭᠡᠭᠡᠯᠢ ᠬᠠᠭ᠋ᠤᠤᠯᠢ ᠲᠦᠯᠬᠢᠬᠦ ᠵᠡᠷᠭᠡ ᠲᠦᠪ ᠪᠤᠰᠤ ᠠᠷᠭ᠎ᠠ ᠪᠠᠷᠢᠯ ᠢᠶᠠᠷ ᠵᠠᠰᠠᠭ ᠵᠠᠬᠢᠷᠭᠠᠨ ᠤ ᠵᠦᠪᠰᠢᠶᠡᠷᠡᠯ ᠤᠯᠤᠭᠰᠠᠨ ᠪᠠᠶᠢᠪᠠᠯ᠂ ᠵᠠᠰᠠᠭ ᠵᠠᠭᠢᠷᠭᠠᠨ ᠤ ᠪᠠᠶᠢᠭᠤᠯᠭ᠎ᠠ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦ ᠭᠡᠷᠡᠭᠳᠡᠢ︔ ᠤᠯᠤᠭᠰᠠᠨ ᠵᠠᠰᠠᠬ ᠵᠠᠬᠢᠷᠭᠠᠨ ᠤ ᠵᠦᠪᠰᠢᠶᠡᠷᠡᠯ ᠨᠢ ᠤᠯᠠᠨ ᠨᠡᠶᠢᠳᠡ ᠶᠢᠨ ᠠᠮᠤᠷ ᠲᠦᠪᠰᠢᠨ᠂ᠬᠦᠮᠦᠨ ᠤ ᠪᠠᠶ᠎ᠠ ᠶᠢᠨ ᠡᠷᠡᠬᠦᠯ ᠮᠠᠨᠳᠤ᠂ ᠠᠮᠢ ᠨᠠᠰᠤ ᠡᠳ᠋ ᠬᠦᠷᠦᠩᠬᠡ ᠶᠢᠨ ᠠᠮᠤᠷ ᠲᠦᠪᠰᠢᠨ ᠳᠤ ᠰᠢᠭᠤᠳ ᠬᠤᠯᠪᠤᠭᠳᠠᠬᠤ ᠵᠦᠢᠯ ᠤᠳ ᠪᠠᠶᠢᠪᠠᠯ᠂ ᠭᠤᠶᠤᠴᠢᠯᠠᠭᠴᠢ ᠨᠢ ᠭᠤᠷᠪᠠᠨ ᠵᠢᠯ ᠤᠨ ᠲᠤᠳᠤᠷ᠎ᠠ ᠲᠤᠰ ᠵᠠᠰᠠᠭ ᠵᠠᠬᠢᠷᠭᠠᠨ ᠤ ᠵᠦᠪᠰᠢᠶᠡᠷᠡᠯ ᠢ ᠠᠪᠬᠤ ᠪᠠᠷ ᠲᠠᠬᠢᠨᠳᠠ ᠭᠤᠶᠤᠴᠢᠯᠠᠵᠤ ᠪᠤᠯᠬᠤ ᠦᠬᠡᠢ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠠ᠃      ᠨᠠᠶᠠᠳᠤᠭᠠᠷ ᠵᠦᠢᠯ   ᠵᠦᠪᠰᠢᠶᠡᠷᠡᠭᠳᠡᠭᠴᠢ ᠲᠤᠤᠷ᠎ᠠ ᠵᠢᠭᠰᠠᠭᠠᠭᠰᠠᠨ ᠠᠵᠢᠯᠯᠠᠭ᠎ᠠ ᠨᠤᠭᠤᠳ ᠤᠨ ᠨᠢᠬᠡ ᠶᠢ ᠬᠢᠭᠰᠡᠨ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦ ᠭᠡᠷᠡᠭᠳᠡᠢ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠠ᠄      ︵ᠨᠢᠬᠡ︶ ᠵᠠᠰᠠᠬ ᠵᠠᠬᠢᠷᠭᠠᠨ ᠤ ᠵᠦᠪᠰᠢᠶᠡᠷᠡᠯ ᠤᠨ ᠦᠨᠡᠮᠯᠡᠯ ᠢ ᠪᠠᠯᠠᠯᠤᠨ ᠦᠬᠡᠷᠡᠳᠡᠬᠦᠯᠦᠭᠰᠡᠨ᠂ ᠰᠠᠷᠢᠭᠠᠯᠠᠭᠰᠠᠨ᠂ ᠲᠦᠷᠢᠶᠡᠰᠦᠯᠡᠬᠦᠯᠦᠭᠰᠡᠨ᠂ ᠵᠢᠬᠡᠯᠡᠬᠦᠯᠦᠭᠰᠡᠨ ᠪᠤᠶᠤ ᠪᠤᠰᠤᠳ ᠬᠡᠯᠪᠡᠷᠢ ᠪᠠᠷ ᠵᠠᠰᠠᠭ ᠵᠠᠬᠢᠷᠭᠠᠨ ᠤ ᠵᠦᠪᠰᠢᠶᠡᠷᠡᠯ ᠢ ᠬᠠᠤᠯᠢ ᠪᠤᠰᠤ ᠪᠠᠷ ᠰᠢᠯᠵᠢᠬᠦᠯᠦᠨ ᠦᠭᠬᠦᠭᠰᠡᠨ︔      ︵ᠬᠤᠶᠠᠷ︶ ᠵᠠᠰᠠᠭ ᠵᠠᠬᠢᠷᠭᠠᠨ ᠤ ᠵᠦᠪᠰᠢᠶᠡᠷᠡᠯ ᠤᠨ ᠭᠡᠪᠴᠢᠶᠠᠨ ᠠᠴᠠ ᠪᠠᠨ ᠲᠠᠪᠠᠵᠤ ᠠᠵᠢᠯᠯᠠᠭ᠎ᠠ ᠬᠢᠭᠰᠡᠨ︔      ︵ᠭᠤᠷᠪᠠ︶ ᠬᠢᠨᠠᠯᠳᠠ ᠲᠠᠯᠪᠢᠵᠤ ᠪᠠᠶᠢᠴᠠᠭᠠᠬᠤ ᠶᠢ ᠬᠠᠷᠢᠭᠤᠴᠠᠬᠤ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠬᠤᠯᠪᠤᠭᠳᠠᠯ ᠪᠦᠬᠦᠢ ᠪᠠᠶᠢᠳᠠᠯ ᠢᠶᠠᠨ ᠨᠢᠭᠤᠨ ᠲᠠᠯᠳᠠᠯᠠᠵᠤ᠂ ᠲᠡᠬᠦᠨ ᠳᠤ ᠬᠤᠳᠠᠯ ᠬᠠᠭᠤᠷᠮᠠᠭ ᠮᠠᠲ᠋ᠧᠷᠢᠶᠠᠯ ᠬᠠᠨᠭ᠍ᠭᠠᠭᠰᠠᠨ ᠪᠤᠶᠤ ᠠᠵᠢᠯᠯᠠᠭ᠎ᠠ ᠶᠢᠨ ᠪᠠᠶᠢᠳᠠᠯ ᠢᠶᠠᠨ ᠲᠤᠰᠬᠠᠭᠰᠠᠨ ᠦᠨᠡᠨ ᠪᠤᠳᠠᠳᠤ ᠮᠠᠲ᠋ᠧᠷᠢᠶᠠᠯ ᠬᠠᠨᠭ᠍ᠭᠠᠬᠤ ᠶᠢ ᠲᠡᠪᠴᠢᠭᠰᠡᠨ︔      ︵ᠲᠦᠷᠪᠡ︶ ᠬᠠᠤᠯᠢ ᠴᠠᠭᠠᠵᠠ᠂ ᠬᠠᠤᠯᠢ ᠲᠤᠭᠳᠠᠭᠠᠯ᠂ ᠲᠦᠷᠢᠮ ᠲᠤᠭᠳᠠᠭᠠᠯ ᠳᠤ ᠲᠤᠭᠳᠠᠭᠠᠭᠰᠠᠨ ᠬᠠᠤᠯᠢ ᠶᠢ ᠵᠦᠷᠢᠴᠡᠭᠰᠡᠨ ᠪᠤᠰᠤᠳ ᠠᠵᠢᠯᠯᠠᠭ᠎ᠠ᠃      ᠨᠠᠶᠠᠨ ᠨᠢᠬᠡᠳᠦᠬᠡᠷ ᠵᠦᠢᠯ   ᠠᠷᠠᠳ ᠢᠷᠭᠡᠨ᠂ ᠬᠠᠤᠯᠢ ᠶᠢᠨ ᠬᠦᠮᠦᠨ ᠪᠤᠶᠤ ᠪᠤᠰᠤᠳ ᠵᠤᠬᠢᠶᠠᠨ ᠪᠠᠶᠢᠭᠤᠯᠤᠯᠳᠠ ᠵᠠᠰᠠᠬ ᠵᠠᠬᠢᠷᠭᠠᠨ ᠤ ᠵᠦᠪᠰᠢᠶᠡᠷᠡᠯ ᠠᠪᠤᠭᠰᠠᠨ ᠦᠬᠡᠢ ᠪᠠᠷ ᠬᠠᠤᠯᠢ ᠶᠤᠰᠤᠭᠠᠷ ᠵᠠᠰᠠᠬ ᠵᠠᠬᠢᠷᠭᠠᠨ ᠤ ᠵᠦᠪᠰᠢᠶᠡᠷᠡᠯ ᠠᠪᠬᠤ ᠶᠤᠰᠤᠳᠠᠢ ᠠᠵᠢᠯᠯᠠᠭ᠎ᠠ ᠶᠢ ᠲᠤᠷ᠎ᠠ ᠪᠠᠷ ᠢᠶᠠᠨ ᠬᠢᠭᠰᠡᠨ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠬᠠᠤᠯᠢ ᠶᠤᠰᠤᠭᠠᠷ ᠠᠷᠭ᠎ᠠ ᠬᠡᠮᠵᠢᠶ᠎ᠠ ᠠᠪᠴᠤ ᠬᠤᠷᠢᠭᠯᠠᠨ ᠵᠤᠭᠰᠤᠭᠠᠬᠤ ᠮᠦᠷᠳᠡᠭᠡᠨ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦ ᠭᠡᠷᠡᠭᠳᠡᠢ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠠ᠃      ᠨᠠᠢᠮᠠᠳᠤᠭᠠᠷ ᠪᠦᠯᠦᠭ   ᠲᠠᠭᠠᠯᠳᠤᠭᠤᠯᠤᠭᠰᠠᠨ ᠲᠦᠷᠢᠮ      ᠨᠠᠶᠠᠨ ᠬᠤᠶᠠᠳᠤᠭᠠᠷ ᠵᠦᠢᠯ   ᠲᠤᠰ ᠬᠠᠤᠯᠢ ᠳᠤ ᠲᠤᠭᠳᠠᠭᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠵᠦᠪᠰᠢᠶᠡᠷᠡᠯ ᠢ ᠭᠡᠷᠡᠭᠵᠢᠬᠦᠯᠬᠦ ᠬᠤᠭᠤᠴᠠᠭ᠎ᠠ ᠶᠢ ᠠᠵᠢᠯ ᠤᠨ ᠡᠳᠦᠷ ᠢᠶᠠᠷ ᠪᠤᠳᠤᠨ᠎ᠠ᠂ ᠬᠠᠤᠯᠢ ᠪᠠᠷ ᠲᠤᠭᠳᠠᠭᠠᠭᠰᠠᠨ ᠠᠮᠠᠷᠠᠯᠳᠠ ᠶᠢᠨ ᠡᠳᠦᠷ ᠢ ᠪᠠᠭᠳᠠᠭᠠᠬᠤ ᠦᠬᠡᠢ᠃      ᠨᠠᠶᠠᠨ ᠭᠤᠷᠪᠠᠳᠤᠭᠠᠷ ᠵᠦᠢᠯ   ᠲᠤᠰ ᠬᠠᠤᠯᠢ ᠶᠢ 2004 ᠤᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠤ ᠭᠡᠷᠡᠭᠵᠢᠬᠦᠯᠦᠨ᠎ᠠ᠃      ᠲᠤᠰ ᠬᠠᠤᠯᠢ ᠶᠢ ᠭᠡᠷᠡᠭᠵᠢᠬᠦᠯᠬᠦ ᠠᠴᠠ ᠡᠮᠦᠨᠡᠬᠢ ᠵᠠᠰᠠᠭ ᠵᠠᠬᠢᠷᠭᠠᠨ ᠤ ᠵᠦᠪᠰᠢᠶᠡᠷᠡᠯ ᠳᠤ ᠬᠤᠯᠪᠤᠭᠳᠠᠬᠤ ᠲᠤᠭᠳᠠᠭᠠᠯ ᠢ ᠲᠤᠭᠳᠠᠭᠠᠭᠰᠠᠨ ᠪᠠᠶᠢᠭᠤᠯᠭ᠎ᠠ ᠨᠢ ᠲᠤᠰ ᠬᠠᠤᠯᠢ ᠶᠢᠨ ᠲᠤᠭᠳᠠᠭᠠᠯ ᠢ ᠦᠨᠳᠦᠰᠦᠯᠡᠨ ᠡᠮᠬᠢᠯᠡᠨ ᠴᠡᠭᠴᠡᠯᠡᠬᠦ ᠬᠡᠷᠡᠭᠳᠡᠢ︔ ᠲᠤᠰ ᠬᠠᠤᠯᠢ ᠶᠢᠨ ᠲᠤᠭᠳᠠᠭᠠᠯ ᠳᠤ ᠨᠡᠶᠢᠴᠡᠬᠦ ᠦᠬᠡᠢ ᠪᠠᠶᠢᠪᠠᠯ᠂ ᠲᠤᠰ ᠬᠠᠤᠯᠢ ᠶᠢ ᠡᠬᠢᠯᠡᠨ ᠬᠡᠷᠡᠭᠵᠢᠬᠦᠯᠦᠭᠰᠡᠨ ᠡᠳᠦᠷ ᠠᠴᠠ ᠭᠡᠷᠡᠭᠵᠢᠬᠦᠯᠬᠦ ᠶᠢ ᠵᠤᠭᠰᠤᠭᠠᠬᠤ ᠬᠡᠷᠡᠭᠲᠡᠢ᠃
        ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ