| | ︵2007 ᠤᠨ ᠤ 6 ᠳ᠋ᠤᠭᠠᠷ ᠰᠠᠷ᠎ᠠ ᠶᠢᠨ 29 ᠤ ᠡᠳᠦᠷ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠨ ᠨᠠᠢᠮᠠᠳᠤᠭᠠᠷ ᠬᠤᠷᠠᠯ ᠠᠴᠠ ᠪᠠᠳᠤᠯᠠᠵᠦ᠂ 2012 ᠤᠨ ᠤ 12 ᠳ᠋ᠤᠭᠠᠷ ᠰᠠᠷ᠎ᠡ ᠶᠢᠨ 28 ᠤ ᠡᠳᠦᠷ ᠠᠷᠪᠠᠨ | ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠴᠢᠳᠤᠭᠠᠷ ᠬᠤᠷᠠᠯ ᠤᠨ ︽︿ | ᠪᠦᠭᠦᠲᠡ ᠨᠠᠶᠢᠷᠠᠮᠳᠠᠬᠤ ᠳᠤᠮᠳᠠᠳᠤ ᠤᠯᠤᠰ ᠤᠨ ᠬᠦᠳᠡᠯᠮᠤᠷᠢ ᠶᠢᠨ ᠭᠡᠷ᠎ᠡ ᠶᠢᠨ ᠬᠠᠤᠯᠢ﹀ ᠳᠤ ᠵᠠᠰᠠᠪᠤᠷᠢ ᠤᠷᠤᠭᠤᠯᠬᠤ ᠲᠤᠬᠠᠢ ᠲᠤᠭᠳᠠᠭᠠᠯ︾ ᠢ ᠦᠨᠳᠦᠰᠦᠯᠡᠵᠦ | ᠵᠠᠰᠠᠪᠤᠷᠢ ᠤᠷᠤᠭᠤᠯᠪᠠ︾ | | | ᠭᠠᠷᠴᠠᠬ | ᠨᠢᠭᠡᠳᠤᠭᠡᠷ ᠪᠦᠯᠦᠭ ᠶᠡᠷᠦᠩᠬᠡᠢ ᠲᠦᠷᠢᠮ | ᠬᠤᠶᠠᠳᠤᠭᠠᠷ ᠪᠦᠯᠦᠭ ᠬᠦᠳᠡᠯᠮᠤᠷᠢ ᠶᠢᠨ ᠭᠡᠷ᠎ᠡ ᠲᠤᠬᠳᠠᠬᠤ | ᠭᠤᠷᠪᠠᠳᠤᠭᠠᠷ ᠪᠦᠯᠦᠭ ᠬᠦᠳᠡᠯᠮᠤᠷᠢ ᠶᠢᠨ ᠭᠡᠷ᠎ᠡ ᠶᠢ ᠭᠦᠢᠴᠡᠳᠭᠡᠬᠦ ᠪᠠ ᠬᠤᠪᠢᠷᠠᠭᠤᠯᠬᠤ | ᠲᠦᠷᠪᠡᠳᠦᠭᠡᠷ ᠪᠦᠯᠦᠭ ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠤ ᠪᠠ ᠲᠠᠭᠤᠰᠬᠠᠬᠤ | ᠲᠠᠪᠤᠳᠤᠭᠠᠷ ᠪᠦᠯᠦᠭ ᠤᠨᠴᠠᠭᠠᠢ ᠲᠤᠬᠳᠠᠭᠠᠯ | ᠨᠢᠭᠡᠳᠤᠭᠡᠷ ᠬᠡᠰᠡᠭ ᠬᠠᠮᠳᠤ ᠶᠢᠨ ᠭᠡᠷ᠎ᠡ | ᠬᠤᠶᠠᠳᠤᠭᠠᠷ ᠬᠡᠰᠡᠭ ᠬᠦᠳᠡᠯᠮᠤᠷᠢ ᠬᠦᠴᠦ ᠲᠤᠮᠢᠯᠠᠬᠤ | ᠭᠤᠷᠪᠠᠳᠤᠭᠠᠷ ᠬᠡᠰᠡᠭ ᠪᠦᠬᠦᠯᠢ ᠡᠳᠦᠷ ᠢᠶᠠᠷ ᠠᠵᠢᠯᠯᠠᠬᠤ ᠪᠤᠰᠤ ᠲᠦᠷᠢᠮᠳᠤ ᠠᠵᠢᠯᠴᠢᠨ ᠢ ᠬᠡᠷᠡᠭᠯᠡᠬᠦ | ᠵᠢᠷᠭᠤᠳᠤᠭᠠᠷ ᠪᠦᠯᠦᠭ ᠬᠢᠨᠠᠯᠳᠠ ᠲᠠᠯᠪᠢᠵᠤ ᠪᠠᠶᠢᠴᠠᠭᠠᠬᠤ | ᠲᠤᠯᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠨᠠᠢᠮᠠᠳᠤᠭᠠᠷ ᠪᠦᠯᠦᠭ ᠲᠠᠭᠠᠯᠳᠤᠭᠤᠯᠤᠯ ᠲᠦᠷᠢᠮ | | | ᠨᠢᠭᠡᠳᠤᠭᠡᠷ ᠪᠦᠯᠦᠭ ᠶᠡᠷᠦᠩᠬᠡᠢ ᠲᠦᠷᠢᠮ | | ᠨᠢᠭᠡᠳᠤᠭᠡᠷ ᠵᠦᠢᠯ ᠬᠦᠳᠡᠯᠮᠤᠷᠢ ᠶᠢᠨ ᠭᠡᠷ᠎ᠡ ᠶᠢᠨ ᠲᠦᠷᠢᠮ ᠢ ᠲᠡᠭᠦᠯᠳᠡᠷᠵᠢᠭᠦᠯᠵᠤ᠂ ᠬᠦᠳᠡᠯᠮᠤᠷᠢ ᠶᠢᠨ ᠭᠡᠷ᠎ᠡ ᠶᠢᠨ ᠬᠤᠶᠠᠷ ᠲᠠᠯ᠎ᠠ ᠶᠢᠨ ᠲᠤᠬᠠᠢ ᠶᠢᠨ ᠬᠦᠮᠦᠨ ᠤ | ᠡᠷᠬᠡ ᠠᠰᠢᠬ ᠪᠤᠯᠤᠨ ᠡᠭᠦᠷᠭᠡ ᠶᠢ ᠲᠤᠳᠤᠷᠬᠠᠢᠢᠯᠠᠵᠤ᠂ ᠬᠦᠳᠡᠯᠮᠤᠷᠢᠴᠢᠨ ᠤ ᠬᠠᠤᠯᠢ ᠶᠤᠰᠤᠨ ᠤ ᠡᠷᠬᠡ ᠠᠰᠢᠬ ᠢ ᠬᠠᠮᠠᠭᠠᠯᠠᠵᠤ᠂ ᠡᠶ᠎ᠡ ᠵᠤᠬᠢᠴᠠᠩᠭᠤᠢ ᠠᠮᠤᠷ | ᠲᠤᠬᠳᠠᠭᠤᠨ ᠬᠦᠳᠡᠯᠮᠤᠷᠢ ᠶᠢᠨ ᠬᠠᠷᠢᠴᠠᠭ᠎ᠠ ᠶᠢ ᠪᠠᠶᠢᠭᠤᠯᠤᠨ ᠬᠦᠭᠵᠢᠭᠦᠯᠬᠦ ᠶᠢᠨ ᠲᠦᠯᠦᠭᠡ᠂ ᠲᠤᠰ ᠬᠠᠤᠯᠢ ᠶᠢ ᠲᠤᠬᠳᠠᠭᠠᠪᠠ᠃ | ᠬᠤᠶᠠᠳᠤᠭᠠᠷ ᠵᠦᠢᠯ ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠢᠯᠢ ᠲᠤᠳᠤᠷᠠᠬᠢ ᠠᠵᠤ ᠠᠬᠤᠢᠢᠯᠠᠯ᠂ ᠬᠤᠪᠢ ᠶᠢᠨ ᠠᠵᠤ ᠠᠬᠤᠢ ᠶᠢᠨ | ᠵᠤᠬᠢᠶᠠᠨ ᠪᠠᠶᠢᠭᠤᠯᠤᠯᠳᠠ᠂ ᠠᠷᠠᠳ ᠠᠴᠠ ᠡᠷᠬᠢᠯᠡᠭᠰᠡᠨ ᠠᠵᠤ ᠠᠬᠤᠢᠢᠯᠠᠯ ᠤᠨ ᠪᠤᠰᠤ ᠨᠢᠭᠡᠴᠡ ᠵᠡᠷᠭᠡ ᠵᠤᠬᠢᠶᠠᠨ ᠪᠠᠶᠢᠭᠤᠯᠤᠯᠳᠠ ︵ᠲᠤᠷᠤᠬᠰᠢ ᠬᠦᠮᠦᠨ ᠬᠡᠷᠡᠭᠯᠡᠬᠦ | ᠨᠢᠭᠡᠴᠡ ᠭᠡᠵᠤ ᠨᠡᠷᠡᠯᠡᠨ᠎ᠡ︶ ᠠᠴᠠ ᠬᠦᠳᠡᠯᠮᠤᠷᠢᠴᠢᠨ ᠲᠠᠢ ᠬᠦᠳᠡᠯᠮᠤᠷᠢ ᠶᠢᠨ ᠬᠠᠷᠢᠴᠠᠭ᠎ᠠ ᠪᠠᠶᠢᠭᠤᠯᠬᠤ᠂ ᠬᠦᠳᠡᠯᠮᠤᠷᠢ ᠶᠢᠨ ᠭᠡᠷ᠎ᠡ ᠲᠤᠬᠳᠠᠬᠤ᠂ ᠭᠦᠢᠴᠡᠳᠭᠡᠬᠦ᠂ | ᠬᠤᠪᠢᠷᠠᠭᠤᠯᠬᠤ᠂ ᠬᠦᠴᠦᠨ ᠦᠭᠡᠢ ᠪᠤᠯᠭᠠᠬᠤ ᠪᠤᠶᠤ ᠲᠠᠭᠤᠰᠬᠠᠬᠤ ᠳᠤ ᠲᠤᠰ ᠬᠠᠤᠯᠢ ᠶᠢ ᠬᠡᠷᠡᠭᠯᠡᠨ᠎ᠡ᠃ | ᠲᠦᠷᠦ ᠶᠢᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ ᠪᠤᠯᠤᠨ ᠲᠡᠭᠦᠨ ᠯᠦᠭᠡ ᠬᠦᠳᠡᠯᠮᠤᠷᠢ ᠶᠢᠨ ᠬᠠᠷᠢᠴᠠᠭ᠎ᠠ ᠪᠠᠶᠢᠭᠤᠯᠤᠬᠰᠠᠨ | ᠬᠦᠳᠡᠯᠮᠤᠷᠢᠴᠢᠨ ᠬᠦᠳᠡᠯᠮᠤᠷᠢ ᠶᠢᠨ ᠭᠡᠷ᠎ᠡ ᠲᠤᠬᠳᠠᠬᠤ᠂ ᠭᠦᠢᠴᠡᠳᠭᠡᠬᠦ᠂ ᠬᠤᠪᠢᠷᠠᠭᠤᠯᠬᠤ᠂ ᠬᠦᠴᠦᠨ ᠦᠭᠡᠢ ᠪᠤᠯᠭᠠᠬᠤ ᠪᠤᠶᠤ ᠲᠠᠭᠤᠰᠬᠠᠬᠤ ᠳᠤ᠂ ᠲᠤᠰ ᠬᠠᠤᠯᠢ ᠶᠢᠨ | ᠶᠤᠰᠤᠭᠠᠷ ᠭᠦᠢᠴᠡᠳᠭᠡᠨ᠎ᠡ᠃ | ᠭᠤᠷᠪᠠᠳᠤᠭᠠᠷ ᠵᠦᠢᠯ ᠬᠦᠳᠡᠯᠮᠤᠷᠢ ᠶᠢᠨ ᠭᠡᠷ᠎ᠡ ᠲᠤᠬᠳᠠᠬᠤ ᠳᠤ᠂ ᠬᠠᠤᠯᠢ ᠶᠤᠰᠤᠨ ᠤ᠂ ᠲᠦᠪ ᠭᠤᠤᠯᠴᠢ᠂ ᠡᠷᠬᠡ ᠲᠡᠭᠰᠢ ᠰᠠᠶᠢᠨ ᠲᠤᠷ᠎ᠠ ᠶᠢᠨ ᠪᠠᠶᠢᠬᠤ᠂ | ᠵᠦᠪᠳᠡᠯᠴᠡᠵᠤ ᠰᠠᠨᠠᠯ ᠨᠢᠭᠡᠳᠬᠦ᠂ ᠦᠨᠡᠨᠴᠢ ᠢᠳᠡᠭᠡᠯᠳᠠᠢ ᠪᠠᠶᠢᠬᠤ ᠵᠠᠷᠴᠢᠮ ᠢ ᠵᠢᠷᠤᠮᠯᠠᠬᠤ ᠬᠡᠷᠡᠭᠳᠠᠢ᠃ | ᠬᠠᠤᠯᠢ ᠶᠤᠰᠤᠭᠠᠷ ᠲᠤᠬᠳᠠᠬᠰᠠᠨ ᠬᠦᠳᠡᠯᠮᠤᠷᠢ ᠶᠢᠨ ᠭᠡᠷ᠎ᠡ ᠨᠢ ᠬᠢᠵᠠᠭᠠᠷᠯᠠᠬᠤ ᠬᠦᠴᠦᠨ ᠲᠠᠢ᠂ ᠬᠦᠮᠦᠨ ᠬᠡᠷᠡᠭᠯᠡᠬᠦ ᠨᠢᠭᠡᠴᠡ ᠪᠤᠯᠤᠨ ᠬᠦᠳᠡᠯᠮᠤᠷᠢᠴᠢᠨ | ᠬᠦᠳᠡᠯᠮᠤᠷᠢ ᠶᠢᠨ ᠭᠡᠷ᠎ᠡ ᠳᠤ ᠲᠤᠬᠳᠠᠬᠰᠠᠨ ᠡᠭᠦᠷᠭᠡ ᠪᠠᠨ ᠭᠦᠢᠴᠡᠳᠭᠡᠬᠦ ᠬᠡᠷᠡᠭᠳᠠᠢ᠃ | ᠲᠦᠷᠪᠡᠳᠦᠭᠡᠷ ᠵᠦᠢᠯ ᠬᠦᠮᠦᠨ ᠬᠡᠷᠡᠭᠯᠡᠬᠦ ᠨᠢᠭᠡᠴᠡ ᠨᠦᠭᠦᠳ ᠬᠦᠳᠡᠯᠮᠤᠷᠢ ᠶᠢᠨ ᠲᠦᠷᠢᠮ ᠲᠤᠬᠳᠠᠭᠠᠯ ᠢᠶᠠᠨ ᠬᠠᠤᠯᠢ ᠶᠤᠰᠤᠭᠠᠷ ᠲᠤᠬᠳᠠᠭᠠᠨ ᠲᠡᠭᠦᠯᠳᠡᠷᠵᠢᠭᠦᠯᠵᠤ | ᠂ ᠬᠦᠳᠡᠯᠮᠤᠷᠢᠴᠢᠨ ᠤ ᠬᠦᠳᠡᠯᠮᠤᠷᠢᠯᠡᠬᠦ ᠡᠷᠬᠡ ᠪᠠᠨ ᠡᠳ᠋ᠯᠡᠬᠦ᠂ ᠬᠦᠳᠡᠯᠮᠤᠷᠢ ᠶᠢᠨ ᠡᠭᠦᠷᠭᠡ ᠶᠢ ᠭᠦᠢᠴᠡᠳᠭᠡᠬᠦ ᠶᠢ ᠪᠠᠳᠤᠯᠠᠬᠤ ᠬᠡᠷᠡᠭᠳᠠᠢ᠃ | ᠬᠦᠮᠦᠨ ᠬᠡᠷᠡᠭᠯᠡᠬᠦ ᠨᠢᠭᠡᠴᠡ ᠨᠦᠭᠦᠳ ᠬᠦᠳᠡᠯᠮᠤᠷᠢ ᠶᠢᠨ ᠤᠯᠭᠤᠮᠵᠢ᠂ ᠠᠵᠢᠯᠯᠠᠬᠤ ᠴᠠᠬ᠂ ᠠᠮᠠᠷᠠᠯᠳᠠ ᠪᠠ ᠠᠮᠠᠷᠠᠯᠳᠠ ᠶᠢᠨ ᠴᠢᠯᠦᠭᠡ᠂ ᠬᠦᠳᠡᠯᠮᠤᠷᠢ ᠶᠢᠨ ᠠᠮᠤᠷ | ᠲᠦᠪᠰᠢᠨ ᠪᠠ ᠡᠷᠡᠭᠦᠯ ᠬᠠᠮᠠᠭᠠᠯᠠᠯ᠂ ᠲᠠᠭᠠᠳᠬᠠᠯ ᠠᠰᠠᠷᠠᠮᠵᠢ᠂ ᠠᠵᠢᠯᠳᠡᠨ ᠠᠵᠢᠯᠴᠢᠨ ᠤ ᠪᠤᠯᠪᠠᠰᠤᠷᠠᠯ᠂ ᠬᠦᠳᠡᠯᠮᠤᠷᠢ ᠶᠢᠨ ᠰᠠᠬᠢᠯᠭ᠎ᠠ ᠪᠠᠳᠤ ᠵᠢᠴᠢ ᠬᠦᠳᠡᠯᠮᠤᠷᠢ ᠶᠢᠨ | ᠨᠤᠷᠮᠠᠳᠤ ᠬᠠᠮᠢᠶᠠᠷᠤᠯᠳᠠ ᠵᠡᠷᠭᠡ ᠬᠦᠳᠡᠯᠮᠤᠷᠢᠴᠢᠨ ᠤ ᠬᠤᠪᠢ ᠶᠢᠨ ᠠᠰᠢᠬ ᠲᠤᠰᠠ ᠲᠠᠢ ᠰᠢᠭᠤᠳ ᠬᠤᠯᠪᠤᠬᠳᠠᠬᠤ ᠲᠦᠷᠢᠮ ᠲᠤᠬᠳᠠᠭᠠᠯ ᠪᠤᠶᠤ ᠴᠢᠬᠤᠯᠠ ᠶᠡᠭᠡ ᠤᠴᠢᠷ | ᠶᠠᠪᠤᠳᠠᠯ ᠢ ᠲᠤᠬᠳᠠᠭᠠᠬᠤ᠂ ᠲᠡᠭᠦᠨ ᠳᠤ ᠵᠠᠰᠠᠪᠤᠷᠢ ᠤᠷᠤᠭᠤᠯᠬᠤ ᠪᠤᠶᠤ ᠲᠡᠭᠦᠨ ᠤ ᠲᠤᠬᠠᠢ ᠲᠤᠬᠳᠠᠭᠠᠯ ᠭᠠᠷᠭᠠᠬᠤ ᠳᠠᠭᠠᠨ᠂ ᠠᠵᠢᠯᠳᠡᠨ ᠠᠵᠢᠯᠴᠢᠨ ᠤ | ᠲᠦᠯᠦᠭᠡᠯᠡᠭᠴᠢᠳ ᠤᠨ ᠶᠡᠭᠡ ᠬᠤᠷᠠᠯ ᠪᠤᠶᠤ ᠪᠦᠬᠦ ᠠᠵᠢᠯᠳᠡᠨ ᠠᠵᠢᠯᠴᠢᠨ ᠢᠶᠠᠷ ᠶᠠᠷᠢᠯᠴᠠᠭᠤᠯᠤᠭᠠᠳ᠂ ᠲᠦᠰᠦᠯ ᠪᠤᠯᠤᠨ ᠰᠠᠨᠠᠯ ᠢᠶᠠᠨ ᠲᠤᠷᠠᠳᠴᠤ᠂ ᠠᠵᠢᠯᠴᠢᠨ ᠤ | ᠡᠪᠯᠡᠯ ᠪᠤᠶᠤ ᠠᠵᠢᠯᠳᠡᠨ ᠠᠵᠢᠯᠴᠢᠨ ᠤ ᠲᠦᠯᠦᠭᠡᠯᠡᠭᠴᠢᠳ ᠲᠠᠢ ᠡᠷᠬᠡ ᠲᠡᠭᠰᠢ ᠪᠠᠷ ᠵᠦᠪᠳᠡᠯᠴᠡᠵᠤ ᠲᠤᠬᠳᠠᠭᠠᠬᠤ ᠬᠡᠷᠡᠭᠳᠠᠢ᠃ | ᠲᠦᠷᠢᠮ ᠲᠤᠬᠳᠠᠭᠠᠯ ᠪᠠ ᠴᠢᠬᠤᠯᠠ ᠶᠡᠭᠡ ᠤᠴᠢᠷ ᠶᠠᠪᠤᠳᠠᠯ ᠢ ᠲᠤᠬᠳᠠᠭᠠᠨ ᠬᠡᠷᠡᠭᠵᠢᠭᠦᠯᠬᠦ ᠶᠠᠪᠤᠴᠠ ᠳᠤ᠂ ᠠᠵᠢᠯᠴᠢᠨ ᠤ ᠡᠪᠯᠡᠯ ᠪᠤᠶᠤ ᠠᠵᠢᠯᠳᠡᠨ ᠠᠵᠢᠯᠴᠢᠨ | ᠲᠡᠭᠦᠨ ᠢ ᠵᠤᠬᠢᠰ ᠦᠭᠡᠢ ᠭᠡᠵᠤ ᠦᠵᠡᠪᠡᠯ᠂ ᠬᠦᠮᠦᠨ ᠬᠡᠷᠡᠭᠯᠡᠬᠦ ᠨᠢᠭᠡᠴᠡ ᠳᠤ ᠰᠠᠨᠠᠯ ᠢᠶᠠᠨ ᠲᠤᠷᠠᠳᠴᠤ᠂ ᠵᠦᠪᠳᠡᠯᠴᠡᠵᠤ ᠪᠠᠶᠢᠭᠠᠳ ᠵᠠᠰᠠᠪᠤᠷᠢ ᠤᠷᠤᠭᠤᠯᠵᠤ | ᠲᠡᠭᠦᠯᠳᠡᠷᠵᠢᠭᠦᠯᠤᠨ᠎ᠡ᠃ | ᠬᠦᠮᠦᠨ ᠬᠡᠷᠡᠭᠯᠡᠬᠦ ᠨᠢᠭᠡᠴᠡ ᠨᠦᠭᠦᠳ ᠬᠦᠳᠡᠯᠮᠤᠷᠢᠴᠢᠨ ᠤ ᠬᠤᠪᠢ ᠶᠢᠨ ᠠᠰᠢᠬ ᠲᠤᠰᠠ ᠲᠠᠢ ᠰᠢᠭᠤᠳ ᠬᠤᠯᠪᠤᠬᠳᠠᠬᠤ ᠲᠦᠷᠢᠮ ᠲᠤᠬᠳᠠᠭᠠᠯ ᠪᠤᠶᠤ ᠴᠢᠬᠤᠯᠠ | ᠶᠡᠭᠡ ᠤᠴᠢᠷ ᠶᠠᠪᠤᠳᠠᠯ ᠤᠨ ᠲᠤᠬᠠᠢ ᠲᠤᠬᠳᠠᠭᠠᠯ ᠢ ᠢᠯᠡ ᠨᠡᠶᠢᠳᠡᠯᠡᠬᠦ ᠪᠤᠶᠤ ᠬᠦᠳᠡᠯᠮᠤᠷᠢᠴᠢᠨ ᠳᠤ ᠮᠡᠳᠡᠭᠳᠡᠬᠦ ᠬᠡᠷᠡᠭᠳᠠᠢ᠃ | ᠲᠠᠪᠤᠳᠤᠭᠠᠷ ᠵᠦᠢᠯ ᠰᠢᠶᠠᠨ ᠠᠴᠠ ᠲᠡᠭᠡᠭᠰᠢᠬᠢ ᠠᠷᠠᠳ ᠤᠨ ᠵᠠᠰᠠᠬ ᠤᠨ ᠤᠷᠳᠤᠨ ᠤ ᠬᠦᠳᠡᠯᠮᠤᠷᠢ ᠶᠢᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠨᠢ | ᠠᠵᠢᠯᠴᠢᠨ ᠤ ᠡᠪᠯᠡᠯ ᠪᠤᠯᠤᠨ ᠠᠵᠤ ᠠᠬᠤᠢᠢᠯᠠᠯ ᠤᠨ ᠲᠠᠯ᠎ᠠ ᠶᠢᠨ ᠲᠦᠯᠦᠭᠡᠯᠡᠭᠴᠢ ᠲᠠᠢ ᠬᠠᠮᠳᠤᠷᠠᠵᠤ ᠪᠠᠶᠢᠭᠠᠳ ᠬᠦᠳᠡᠯᠮᠤᠷᠢ ᠶᠢᠨ ᠬᠠᠷᠢᠴᠠᠭ᠎ᠠ ᠶᠢ ᠵᠤᠬᠢᠴᠠᠭᠤᠯᠬᠤ | ᠭᠤᠷᠪᠠᠨ ᠲᠠᠯ᠎ᠠ ᠶᠢᠨ ᠲᠤᠬᠳᠠᠴᠠ ᠶᠢ ᠪᠠᠶᠢᠭᠤᠯᠤᠨ ᠲᠡᠭᠦᠯᠳᠡᠷᠵᠢᠭᠦᠯᠵᠤ᠂ ᠬᠦᠳᠡᠯᠮᠤᠷᠢ ᠶᠢᠨ ᠬᠠᠷᠢᠴᠠᠭ᠎ᠠ ᠳᠤ ᠬᠤᠯᠪᠤᠬᠳᠠᠬᠤ ᠴᠢᠬᠤᠯᠠ ᠶᠡᠭᠡ ᠠᠰᠠᠭᠤᠳᠠᠯ ᠢ ᠬᠠᠮᠳᠤᠪᠡᠷ | ᠰᠤᠳᠤᠯᠵᠤ ᠰᠢᠢᠳᠪᠤᠷᠢᠯᠡᠨ᠎ᠡ᠃ | ᠵᠢᠷᠭᠤᠳᠤᠭᠠᠷ ᠵᠦᠢᠯ ᠠᠵᠢᠯᠴᠢᠨ ᠤ ᠡᠪᠯᠡᠯ ᠨᠢ ᠬᠦᠳᠡᠯᠮᠤᠷᠢᠴᠢᠨ ᠢ ᠬᠠᠪᠰᠤᠷᠤᠨ ᠵᠢᠯᠤᠭᠤᠳᠴᠤ ᠪᠠᠶᠢᠭᠠᠳ ᠬᠦᠮᠦᠨ ᠬᠡᠷᠡᠭᠯᠡᠬᠦ ᠨᠢᠭᠡᠴᠡ ᠲᠠᠢ ᠬᠠᠤᠯᠢ ᠶᠤᠰᠤᠭᠠᠷ | ᠬᠦᠳᠡᠯᠮᠤᠷᠢ ᠶᠢᠨ ᠭᠡᠷ᠎ᠡ ᠲᠤᠬᠳᠠᠬᠤ ᠪᠠ ᠭᠦᠢᠴᠡᠳᠭᠡᠬᠦ ᠶᠢᠨ ᠬᠠᠮᠳᠤ ᠬᠦᠮᠦᠨ ᠬᠡᠷᠡᠭᠯᠡᠬᠦ ᠨᠢᠭᠡᠴᠡ ᠲᠠᠢ ᠬᠠᠮᠳᠤᠪᠡᠷ ᠵᠦᠪᠳᠡᠯᠴᠡᠬᠦ ᠲᠤᠬᠳᠠᠴᠠ ᠪᠠᠶᠢᠭᠤᠯᠵᠤ᠂ | ᠬᠦᠳᠡᠯᠮᠤᠷᠢᠴᠢᠨ ᠤ ᠬᠠᠤᠯᠢ ᠶᠤᠰᠤᠨ ᠤ ᠡᠷᠬᠡ ᠠᠰᠢᠬ ᠢ ᠬᠠᠮᠠᠭᠠᠯᠠᠬᠤ ᠬᠡᠷᠡᠭᠳᠠᠢ᠃ | | | ᠬᠤᠶᠠᠳᠤᠭᠠᠷ ᠪᠦᠯᠦᠭ ᠬᠦᠳᠡᠯᠮᠤᠷᠢ ᠶᠢᠨ ᠭᠡᠷ᠎ᠡ ᠲᠤᠬᠳᠠᠬᠤ | | | ᠲᠤᠯᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠡ ᠨᠢ ᠠᠵᠢᠯᠴᠢᠨ ᠢ ᠬᠡᠷᠡᠭᠯᠡᠭᠰᠡᠨ ᠡᠳᠦᠷ ᠠᠴᠠ ᠪᠠᠨ ᠡᠬᠢᠯᠡᠭᠡᠳ ᠬᠦᠳᠡᠯᠮᠤᠷᠢᠴᠢᠨ ᠲᠠᠢ ᠬᠦᠳᠡᠯᠮᠤᠷᠢ ᠶᠢᠨ | ᠬᠠᠷᠢᠴᠠᠭ᠎ᠠ ᠪᠠᠶᠢᠭᠤᠯᠤᠨ᠎ᠠ᠃ ᠬᠦᠮᠦᠨ ᠬᠡᠷᠡᠭᠯᠡᠬᠦ ᠨᠢᠭᠡᠴᠡ ᠠᠵᠢᠯᠳᠡᠨ ᠠᠵᠢᠯᠴᠢᠨ ᠤ ᠨᠡᠷ᠎ᠡ ᠶᠢᠨ ᠲᠠᠩᠰᠠ ᠪᠠᠶᠢᠭᠤᠯᠵᠤ ᠪᠠᠶᠢᠴᠠᠭᠠᠬᠤ ᠳᠤ ᠪᠡᠯᠡᠬᠡᠨ ᠪᠤᠯᠭᠠᠨ᠎ᠠ᠃ | ᠨᠠᠢᠮᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠡ ᠨᠢ ᠬᠦᠳᠡᠯᠮᠤᠷᠢᠴᠢᠨ ᠢ ᠡᠯᠰᠡᠵᠤ ᠬᠡᠷᠡᠭᠯᠡᠬᠦ ᠦᠶ᠎ᠡ ᠳᠡᠭᠡᠨ᠂ ᠠᠵᠢᠯ ᠤᠨ ᠠᠭᠤᠯᠭ᠎ᠠ᠂ ᠠᠵᠢᠯ ᠤᠨ ᠨᠦᠬᠦᠴᠡᠯ᠂ | ᠠᠵᠢᠯ ᠤᠨ ᠭᠠᠵᠠᠷ᠂ ᠠᠵᠢᠯ ᠮᠡᠷᠭᠡᠵᠢᠯ ᠤᠨ ᠬᠤᠤᠷ ᠬᠦᠨᠦᠭᠡᠯ᠂ ᠠᠶᠤᠯ ᠦᠭᠡᠢ ᠦᠢᠯᠡᠳᠪᠤᠷᠢᠯᠡᠯ ᠤᠨ ᠪᠠᠶᠢᠳᠠᠯ᠂ ᠬᠦᠳᠡᠯᠮᠤᠷᠢ ᠶᠢᠨ ᠤᠯᠭᠤᠮᠵᠢ ᠵᠢᠴᠢ | ᠬᠦᠳᠡᠯᠮᠤᠷᠢᠴᠢᠨ ᠤ ᠤᠢᠢᠯᠠᠭᠠᠬᠤ ᠪᠠᠷ ᠱᠠᠭᠠᠷᠳᠠᠬᠰᠠᠨ ᠪᠤᠰᠤᠳ ᠪᠠᠶᠢᠳᠠᠯ ᠢ ᠬᠦᠳᠡᠯᠮᠤᠷᠢᠴᠢᠨ ᠳᠤ ᠦᠨᠡᠨ ᠮᠦᠨ ᠢᠶᠠᠷ ᠨᠢ ᠮᠡᠳᠡᠭᠳᠡᠬᠦ ᠬᠡᠷᠡᠭᠳᠠᠢ︔ ᠬᠦᠮᠦᠨ ᠬᠡᠷᠡᠭᠯᠡᠬᠦ | ᠨᠢᠭᠡᠴᠡ ᠨᠢ ᠬᠦᠳᠡᠯᠮᠤᠷᠢᠴᠢᠨ ᠤ ᠬᠦᠳᠡᠯᠮᠤᠷᠢ ᠶᠢᠨ ᠭᠡᠷ᠎ᠡ ᠲᠠᠢ ᠰᠢᠭᠤᠳ ᠬᠤᠯᠪᠤᠬᠳᠠᠬᠤ ᠬᠠᠮᠢᠶ᠎ᠠ ᠪᠦᠬᠦᠢ ᠦᠨᠳᠦᠰᠦᠨ ᠪᠠᠶᠢᠳᠠᠯ ᠢ ᠤᠢᠢᠯᠠᠭᠠᠬᠤ ᠡᠷᠬᠡ ᠲᠠᠢ᠂ | ᠬᠦᠳᠡᠯᠮᠤᠷᠢᠴᠢᠨ ᠦᠨᠡᠨ ᠮᠦᠨ ᠢᠶᠠᠷ ᠨᠢ ᠲᠤᠳᠤᠷᠬᠠᠢᠢᠯᠠᠬᠤ ᠬᠡᠷᠡᠭᠳᠠᠢ᠃ | ᠶᠢᠰᠦᠳᠦᠭᠡᠷ ᠵᠦᠢᠯ ᠬᠦᠮᠦᠨ ᠬᠡᠷᠡᠭᠯᠡᠬᠦ ᠨᠢᠭᠡᠴᠡ ᠨᠢ ᠬᠦᠳᠡᠯᠮᠤᠷᠢᠴᠢᠨ ᠡᠯᠰᠡᠵᠤ ᠬᠡᠷᠡᠭᠯᠡᠬᠦ ᠳᠡᠭᠡᠨ ᠬᠦᠳᠡᠯᠮᠤᠷᠢᠴᠢᠨ ᠤ ᠪᠡᠶ᠎ᠡ ᠶᠢᠨ ᠦᠨᠡᠮᠯᠡᠯ ᠪᠤᠯᠤᠨ ᠪᠤᠰᠤᠳ | ᠭᠡᠷᠡᠴᠢ ᠦᠨᠡᠮᠯᠡᠯ ᠢ ᠲᠠᠷᠤᠵᠤ ᠠᠪᠴᠤ ᠪᠤᠯᠬᠤ ᠦᠭᠡᠢ᠂ ᠬᠦᠳᠡᠯᠮᠤᠷᠢᠴᠢᠨ ᠢᠶᠠᠷ ᠪᠠᠳᠤᠯᠠᠯᠳᠠ ᠬᠠᠩᠭᠠᠯᠭᠠᠬᠤ ᠪᠠᠷ ᠱᠠᠭᠠᠷᠳᠠᠬᠤ ᠪᠤᠶᠤ ᠡᠰᠡᠭᠦᠯ᠎ᠡ ᠪᠤᠰᠤᠳ ᠨᠡᠷ᠎ᠡ ᠪᠠᠷ | ᠬᠦᠳᠡᠯᠮᠤᠷᠢᠴᠢᠨ ᠠᠴᠠ ᠡᠳ᠋ ᠪᠤᠳᠠᠰ ᠠᠪᠴᠤ ᠪᠤᠯᠬᠤ ᠦᠭᠡᠢ᠃ | ᠠᠷᠪᠠᠳᠤᠭᠠᠷ ᠵᠦᠢᠯ ᠬᠦᠳᠡᠯᠮᠤᠷᠢ ᠶᠢᠨ ᠬᠠᠷᠢᠴᠠᠭ᠎ᠠ ᠪᠠᠶᠢᠭᠤᠯᠬᠤ ᠳᠤ᠂ ᠪᠢᠴᠢᠭ ᠢᠶᠠᠷ ᠬᠦᠳᠡᠯᠮᠤᠷᠢ ᠶᠢᠨ ᠭᠡᠷ᠎ᠡ ᠲᠤᠬᠳᠠᠬᠤ ᠬᠡᠷᠡᠭᠳᠠᠢ᠃ | ᠬᠦᠳᠡᠯᠮᠤᠷᠢ ᠶᠢᠨ ᠬᠠᠷᠢᠴᠠᠭ᠎ᠠ ᠪᠠᠶᠢᠭᠤᠯᠤᠬᠰᠠᠨ ᠪᠤᠯᠪᠠᠴᠤ᠂ ᠬᠠᠮᠳᠤ ᠳᠤᠨᠢ ᠪᠢᠴᠢᠭ ᠢᠶᠠᠷ ᠬᠦᠳᠡᠯᠮᠤᠷᠢ ᠶᠢᠨ ᠭᠡᠷ᠎ᠡ ᠲᠤᠬᠳᠠᠬᠰᠠᠨ ᠦᠭᠡᠢ ᠪᠠᠶᠢᠪᠠᠯ᠂ ᠠᠵᠢᠯᠴᠢᠨ ᠢ | ᠬᠡᠷᠡᠭᠯᠡᠵᠤ ᠡᠬᠢᠯᠡᠭᠰᠡᠨ ᠡᠳᠦᠷ ᠠᠴᠠ ᠡᠬᠢᠯᠡᠭᠡᠳ ᠨᠢᠭᠡ ᠰᠠᠷ᠎ᠠ ᠶᠢᠨ ᠲᠤᠳᠤᠷ᠎ᠠ ᠪᠢᠴᠢᠭ ᠢᠶᠠᠷ ᠬᠦᠳᠡᠯᠮᠤᠷᠢ ᠶᠢᠨ ᠭᠡᠷ᠎ᠡ ᠲᠤᠬᠳᠠᠬᠤ ᠬᠡᠷᠡᠭᠳᠠᠢ᠃ | ᠬᠦᠮᠦᠨ ᠬᠡᠷᠡᠭᠯᠡᠬᠦ ᠨᠢᠭᠡᠴᠡ ᠪᠤᠯᠤᠨ ᠬᠦᠳᠡᠯᠮᠤᠷᠢᠴᠢᠨ ᠨᠢ ᠠᠵᠢᠯᠴᠢᠨ ᠬᠡᠷᠡᠭᠯᠡᠬᠦ ᠠᠴᠠ ᠡᠮᠦᠨ᠎ᠡ ᠬᠦᠳᠡᠯᠮᠤᠷᠢ ᠶᠢᠨ ᠭᠡᠷ᠎ᠡ ᠲᠤᠬᠳᠠᠬᠰᠠᠨ ᠪᠠᠶᠢᠪᠠᠯ᠂ | ᠬᠦᠳᠡᠯᠮᠤᠷᠢ ᠶᠢᠨ ᠬᠠᠷᠢᠴᠠᠭ᠎ᠠ ᠨᠢ ᠠᠵᠢᠯᠴᠢᠨ ᠢ ᠬᠡᠷᠡᠭᠯᠡᠭᠰᠡᠨ ᠡᠳᠦᠷ ᠠᠴᠠ ᠪᠠᠶᠢᠭᠤᠯᠤᠬᠳᠠᠨ᠎ᠠ᠃ | ᠠᠷᠪᠠᠨ ᠨᠢᠭᠡᠳᠤᠭᠡᠷ ᠵᠦᠢᠯ ᠬᠦᠮᠦᠨ ᠬᠡᠷᠡᠭᠯᠡᠬᠦ ᠨᠢᠭᠡᠴᠡ ᠨᠢ ᠠᠵᠢᠯᠴᠢᠨ ᠬᠡᠷᠡᠭᠯᠡᠬᠦ ᠳᠡᠭᠡᠨ ᠬᠠᠮᠳᠤ ᠳᠤᠨᠢ ᠪᠢᠴᠢᠭ ᠢᠶᠠᠷ ᠬᠦᠳᠡᠯᠮᠤᠷᠢ ᠶᠢᠨ ᠭᠡᠷ᠎ᠡ ᠲᠤᠬᠳᠠᠬᠰᠠᠨ | ᠦᠭᠡᠢ᠂ ᠬᠦᠳᠡᠯᠮᠤᠷᠢᠴᠢᠨ ᠯᠦᠭᠡ ᠪᠤᠯᠵᠤᠨ ᠲᠤᠬᠳᠠᠬᠰᠠᠨ ᠬᠦᠳᠡᠯᠮᠤᠷᠢ ᠶᠢᠨ ᠤᠯᠭᠤᠮᠵᠢ ᠨᠢ ᠲᠤᠳᠤᠷᠬᠠᠢ ᠦᠭᠡᠢ ᠪᠠᠶᠢᠪᠠᠯ᠂ ᠰᠢᠨ᠎ᠡ ᠪᠠᠷ ᠡᠯᠰᠡᠵᠤ ᠬᠡᠷᠡᠭᠯᠡᠭᠰᠡᠨ | ᠬᠦᠳᠡᠯᠮᠤᠷᠢᠴᠢᠨ ᠤ ᠬᠦᠳᠡᠯᠮᠤᠷᠢ ᠶᠢᠨ ᠤᠯᠭᠤᠮᠵᠢ ᠶᠢ ᠬᠠᠮᠳᠤ ᠶᠢᠨ ᠭᠡᠷ᠎ᠡ ᠶᠢᠨ ᠲᠤᠬᠳᠠᠭᠠᠯ ᠤᠨ ᠪᠠᠷᠢᠮᠵᠢᠶ᠎ᠡ ᠪᠠᠷ ᠦᠭᠭᠦᠨ᠎ᠡ︔ ᠬᠠᠮᠳᠤ ᠶᠢᠨ ᠭᠡᠷ᠎ᠡ ᠪᠠᠶᠢᠬᠤ ᠦᠭᠡᠢ | ᠪᠤᠶᠤ ᠬᠠᠮᠳᠤ ᠶᠢᠨ ᠭᠡᠷ᠎ᠡ ᠳᠤ ᠲᠤᠬᠳᠠᠭᠠᠯ ᠦᠭᠡᠢ ᠪᠤᠯ᠂ ᠠᠳᠠᠯᠢ ᠬᠦᠳᠡᠯᠮᠤᠷᠢ ᠳᠤ ᠠᠳᠠᠯᠢ ᠤᠯᠭᠤᠮᠵᠢ ᠦᠭᠬᠦ ᠲᠦᠷᠢᠮ ᠢ ᠬᠡᠷᠡᠭᠵᠢᠭᠦᠯᠤᠨ᠎ᠡ᠃ | ᠠᠷᠪᠠᠨ ᠬᠤᠶᠠᠳᠤᠭᠠᠷ ᠵᠦᠢᠯ ᠬᠦᠳᠡᠯᠮᠤᠷᠢ ᠶᠢᠨ ᠭᠡᠷ᠎ᠡ ᠶᠢ ᠲᠤᠬᠳᠠᠮᠠᠯ ᠬᠤᠭᠤᠴᠠᠭ᠎ᠠ ᠲᠠᠢ ᠬᠦᠳᠡᠯᠮᠤᠷᠢ ᠶᠢᠨ ᠭᠡᠷ᠎ᠡ᠂ ᠲᠤᠬᠳᠠᠮᠠᠯ ᠪᠤᠰᠤ ᠬᠤᠭᠤᠴᠠᠭᠠᠨ ᠤ | ᠬᠦᠳᠡᠯᠮᠤᠷᠢ ᠶᠢᠨ ᠭᠡᠷ᠎ᠡ ᠪᠠ ᠵᠤᠬᠢᠬᠤ ᠠᠵᠢᠯ ᠤᠨ ᠡᠭᠦᠷᠭᠡ ᠶᠢ ᠪᠡᠶᠡᠯᠡᠭᠦᠯᠬᠦ ᠪᠠᠷ ᠬᠤᠭᠤᠴᠠᠭᠠᠯᠠᠬᠰᠠᠨ ᠬᠦᠳᠡᠯᠮᠤᠷᠢ ᠶᠢᠨ ᠭᠡᠷ᠎ᠡ ᠭᠡᠵᠤ ᠬᠤᠪᠢᠶᠠᠨ᠎ᠠ᠃ | ᠠᠷᠪᠠᠨ ᠭᠤᠷᠪᠠᠳᠤᠭᠠᠷ ᠵᠦᠢᠯ ᠲᠤᠬᠳᠠᠮᠠᠯ ᠬᠤᠭᠤᠴᠠᠭ᠎ᠠ ᠲᠠᠢ ᠬᠦᠳᠡᠯᠮᠤᠷᠢ ᠶᠢᠨ ᠭᠡᠷ᠎ᠡ ᠭᠡᠳᠡᠭ ᠨᠢ ᠬᠦᠮᠦᠨ ᠬᠡᠷᠡᠭᠯᠡᠬᠦ ᠨᠢᠭᠡᠴᠡ ᠪᠤᠯᠤᠨ ᠬᠦᠳᠡᠯᠮᠤᠷᠢᠴᠢᠨ | ᠭᠡᠷ᠎ᠡ ᠪᠠᠨ ᠲᠠᠭᠤᠰᠬᠠᠬᠤ ᠴᠠᠬ ᠢ ᠪᠤᠯᠵᠤᠨ ᠲᠤᠬᠳᠠᠬᠰᠠᠨ ᠬᠦᠳᠡᠯᠮᠤᠷᠢ ᠶᠢᠨ ᠭᠡᠷ᠎ᠡ ᠶᠢ ᠬᠡᠯᠡᠵᠤ ᠪᠠᠶᠢᠨ᠎ᠠ᠃ | ᠬᠦᠮᠦᠨ ᠬᠡᠷᠡᠭᠯᠡᠬᠦ ᠨᠢᠭᠡᠴᠡ ᠪᠤᠯᠤᠨ ᠬᠦᠳᠡᠯᠮᠤᠷᠢᠴᠢᠨ ᠵᠦᠪᠳᠡᠯᠴᠡᠵᠤ ᠰᠠᠨᠠᠯ ᠨᠢᠭᠡᠳᠪᠡᠯ᠂ ᠲᠤᠬᠳᠠᠮᠠᠯ ᠬᠤᠭᠤᠴᠠᠭ᠎ᠠ ᠲᠠᠢ ᠬᠦᠳᠡᠯᠮᠤᠷᠢ ᠶᠢᠨ ᠭᠡᠷ᠎ᠡ ᠲᠤᠬᠳᠠᠵᠤ | ᠪᠤᠯᠤᠨ᠎ᠠ᠃ | ᠠᠷᠪᠠᠨ ᠲᠦᠷᠪᠡᠳᠦᠭᠡᠷ ᠵᠦᠢᠯ ᠲᠤᠬᠳᠠᠮᠠᠯ ᠪᠤᠰᠤ ᠬᠤᠭᠤᠴᠠᠭᠠᠨ ᠤ ᠬᠦᠳᠡᠯᠮᠤᠷᠢ ᠶᠢᠨ ᠭᠡᠷ᠎ᠡ ᠭᠡᠳᠡᠭ ᠨᠢ ᠬᠦᠮᠦᠨ ᠬᠡᠷᠡᠭᠯᠡᠬᠦ ᠨᠢᠭᠡᠴᠡ ᠪᠤᠯᠤᠨ | ᠬᠦᠳᠡᠯᠮᠤᠷᠢᠴᠢᠨ ᠤ ᠪᠤᠯᠵᠤᠨ ᠲᠤᠬᠳᠠᠬᠰᠠᠨ ᠲᠠᠭᠤᠰᠬᠠᠬᠤ ᠴᠠᠬ ᠢ ᠲᠤᠬᠳᠠᠭᠠᠬᠤ ᠦᠭᠡᠢ ᠬᠦᠳᠡᠯᠮᠤᠷᠢ ᠶᠢᠨ ᠭᠡᠷ᠎ᠡ ᠶᠢ ᠬᠡᠯᠡᠵᠤ ᠪᠠᠶᠢᠨ᠎ᠠ᠃ | ᠬᠦᠮᠦᠨ ᠬᠡᠷᠡᠭᠯᠡᠬᠦ ᠨᠢᠭᠡᠴᠡ ᠪᠤᠯᠤᠨ ᠬᠦᠳᠡᠯᠮᠤᠷᠢᠴᠢᠨ ᠵᠦᠪᠳᠡᠯᠴᠡᠵᠤ ᠰᠠᠨᠠᠯ ᠨᠢᠭᠡᠳᠪᠡᠯ᠂ ᠲᠤᠬᠳᠠᠮᠠᠯ ᠪᠤᠰᠤ ᠬᠤᠭᠤᠴᠠᠭᠠᠨ ᠤ ᠬᠦᠳᠡᠯᠮᠤᠷᠢ ᠶᠢᠨ ᠭᠡᠷ᠎ᠡ | ᠲᠤᠬᠳᠠᠵᠤ ᠪᠤᠯᠤᠨ᠎ᠠ᠃ ᠲᠤᠤᠷ᠎ᠠ ᠵᠢᠬᠰᠠᠭᠠᠬᠰᠠᠨ ᠪᠠᠶᠢᠳᠠᠯ ᠤᠨ ᠨᠢᠭᠡ ᠵᠦᠢᠯ ᠨᠢ ᠪᠠᠶᠢᠵᠤ᠂ ᠬᠦᠳᠡᠯᠮᠤᠷᠢᠴᠢᠨ ᠠᠴᠠ ᠬᠦᠳᠡᠯᠮᠤᠷᠢ ᠶᠢᠨ ᠭᠡᠷ᠎ᠡ ᠶᠢ ᠦᠷᠬᠦᠯᠵᠢᠯᠡᠨ | ᠲᠤᠬᠳᠠᠬᠤ᠂ ᠲᠤᠬᠳᠠᠬᠤ ᠶᠢ ᠵᠦᠪᠰᠢᠶᠡᠷᠡᠭᠰᠡᠨ ᠪᠤᠶᠤ ᠲᠤᠷᠠᠳᠤᠬᠰᠠᠨ ᠪᠠᠶᠢᠪᠠᠯ᠂ ᠲᠤᠬᠳᠠᠮᠠᠯ ᠬᠤᠭᠤᠴᠠᠭ᠎ᠠ ᠲᠠᠢ ᠬᠦᠳᠡᠯᠮᠤᠷᠢ ᠶᠢᠨ ᠭᠡᠷ᠎ᠡ ᠲᠤᠬᠳᠠᠬᠤ ᠬᠡᠷᠡᠭᠳᠠᠢ᠂ | ᠬᠦᠳᠡᠯᠮᠤᠷᠢᠴᠢᠨ ᠠᠴᠠ ᠲᠤᠬᠳᠠᠮᠠᠯ ᠬᠤᠭᠤᠴᠠᠭ᠎ᠠ ᠲᠠᠢ ᠬᠦᠳᠡᠯᠮᠤᠷᠢ ᠶᠢᠨ ᠭᠡᠷ᠎ᠡ ᠲᠤᠬᠳᠠᠬᠤ ᠶᠢ ᠲᠤᠷᠠᠳᠤᠬᠰᠠᠨ ᠨᠢ ᠡᠭᠦᠨ ᠳᠤ ᠪᠠᠭᠳᠠᠬᠤ ᠦᠭᠡᠢ᠂ ᠲᠤᠬᠳᠠᠮᠠᠯ ᠪᠤᠰᠤ | ᠬᠤᠭᠤᠴᠠᠭᠠᠨ ᠤ ᠬᠦᠳᠡᠯᠮᠤᠷᠢ ᠶᠢᠨ ᠭᠡᠷ᠎ᠡ ᠲᠤᠬᠳᠠᠵᠤ ᠪᠤᠯᠤᠨ᠎ᠠ᠄ | ︵1︶ ᠬᠦᠳᠡᠯᠮᠤᠷᠢᠴᠢᠨ ᠲᠤᠰ ᠬᠦᠮᠦᠨ ᠬᠡᠷᠡᠭᠯᠡᠬᠦ ᠨᠢᠭᠡᠴᠡ ᠳᠤ ᠦᠷᠭᠦᠯᠵᠢᠯᠡᠨ ᠪᠦᠬᠦᠯᠢ ᠠᠷᠪᠠᠨ ᠵᠢᠯ ᠠᠵᠢᠯᠯᠠᠬᠰᠠᠨ︔ | ︵2︶ ᠬᠦᠮᠦᠨ ᠬᠡᠷᠡᠭᠯᠡᠬᠦ ᠨᠢᠭᠡᠴᠡ ᠠᠩᠬ᠎ᠠ ᠤᠳᠠᠭ᠎ᠠ ᠬᠦᠳᠡᠯᠮᠤᠷᠢ ᠶᠢᠨ ᠭᠡᠷ᠎ᠡ ᠶᠢᠨ ᠲᠦᠷᠢᠮ ᠢ ᠬᠡᠷᠡᠭᠵᠢᠭᠦᠯᠬᠦ ᠪᠤᠶᠤ ᠡᠰᠡᠭᠦᠯ᠎ᠡ ᠤᠯᠤᠰ ᠤᠨ ᠦᠮᠴᠢᠯᠡᠯ ᠤᠨ | ᠠᠵᠤ ᠠᠬᠤᠢᠢᠯᠠᠯ ᠤᠨ ᠲᠤᠬᠳᠠᠴᠠ ᠪᠠᠨ ᠬᠤᠪᠢᠷᠠᠭᠤᠯᠵᠤ ᠬᠦᠳᠡᠯᠮᠤᠷᠢ ᠶᠢᠨ ᠭᠡᠷ᠎ᠡ ᠶᠢ ᠲᠠᠬᠢᠵᠤ ᠲᠤᠬᠳᠠᠬᠤ ᠦᠶ᠎ᠡ ᠳᠤ᠂ ᠬᠦᠳᠡᠯᠮᠤᠷᠢᠴᠢᠨ ᠲᠤᠰ ᠬᠦᠮᠦᠨ ᠬᠡᠷᠡᠭᠯᠡᠬᠦ | ᠨᠢᠭᠡᠴᠡ ᠳᠤ ᠦᠷᠭᠦᠯᠵᠢᠯᠡᠨ ᠠᠵᠢᠯᠯᠠᠭᠠᠳ ᠠᠷᠪᠠᠨ ᠵᠢᠯ ᠪᠤᠯᠤᠬᠰᠠᠨ ᠪᠦᠭᠡᠳ ᠬᠠᠤᠯᠢ ᠪᠠᠷ ᠲᠤᠬᠳᠠᠭᠠᠬᠰᠠᠨ ᠠᠵᠢᠯ ᠠᠴᠠ ᠪᠠᠨ ᠠᠮᠠᠷᠠᠬᠤ ᠨᠠᠰᠤ ᠪᠤᠯᠳᠠᠯ᠎ᠠ ᠠᠷᠪᠠᠨ ᠵᠢᠯ | ᠬᠦᠷᠬᠦ ᠦᠭᠡᠢ ᠪᠠᠶᠢᠬᠤ︔ | ︵3︶ ᠲᠤᠬᠳᠠᠮᠠᠯ ᠬᠤᠭᠤᠴᠠᠭ᠎ᠠ ᠲᠠᠢ ᠬᠦᠳᠡᠯᠮᠤᠷᠢ ᠶᠢᠨ ᠭᠡᠷ᠎ᠡ ᠶᠢ ᠦᠷᠬᠦᠯᠵᠢᠯᠡᠨ ᠬᠤᠶᠠᠷ ᠤᠳᠠᠭ᠎ᠠ ᠲᠤᠬᠳᠠᠬᠰᠠᠨ ᠮᠦᠷᠳᠡᠭᠡᠨ ᠬᠦᠳᠡᠯᠮᠤᠷᠢᠴᠢᠨ ᠳᠤ ᠲᠤᠰ | ᠬᠠᠤᠯᠢ ᠶᠢᠨ ᠭᠤᠴᠢ ᠶᠢᠰᠦᠳᠦᠭᠡᠷ ᠵᠦᠢᠯ ᠪᠤᠯᠤᠨ ᠲᠦᠴᠢᠳᠦᠭᠡᠷ ᠵᠦᠢᠯ ᠤᠨ ᠨᠢᠭᠡᠳᠤᠭᠡᠷ ᠵᠤᠷᠪᠤᠰ᠂ ᠬᠤᠶᠠᠳᠤᠭᠠᠷ ᠵᠤᠷᠪᠤᠰ ᠤᠨ ᠲᠤᠬᠳᠠᠭᠠᠯ ᠳᠠᠬᠢ ᠪᠠᠶᠢᠳᠠᠯ ᠦᠯᠦ | ᠪᠠᠶᠢᠬᠤ ᠪᠦᠭᠡᠳ ᠬᠦᠳᠡᠯᠮᠤᠷᠢ ᠶᠢᠨ ᠭᠡᠷ᠎ᠡ ᠶᠢ ᠦᠷᠬᠦᠯᠵᠢᠯᠡᠨ ᠲᠤᠬᠳᠠᠬᠰᠠᠨ᠃ | ᠬᠦᠮᠦᠨ ᠬᠡᠷᠡᠭᠯᠡᠬᠦ ᠨᠢᠭᠡᠴᠡ ᠨᠢ ᠠᠵᠢᠯᠴᠢᠨᠨ ᠬᠡᠷᠡᠭᠯᠡᠭᠰᠡᠨ ᠡᠳᠦᠷ ᠠᠴᠠ ᠡᠬᠢᠯᠡᠭᠡᠳ ᠪᠦᠬᠦᠯᠢ ᠨᠢᠭᠡ ᠵᠢᠯ ᠪᠤᠯᠤᠬᠰᠠᠨ ᠪᠠᠶᠢᠳᠠᠯ᠎ᠠ ᠬᠦᠳᠡᠯᠮᠤᠷᠢᠴᠢᠨ ᠲᠠᠢ | ᠪᠢᠴᠢᠭ ᠢᠶᠠᠷ ᠬᠦᠳᠡᠯᠮᠤᠷᠢ ᠶᠢᠨ ᠭᠡᠷ᠎ᠡ ᠲᠤᠬᠳᠠᠬᠰᠠᠨ ᠦᠭᠡᠢ ᠪᠠᠶᠢᠪᠠᠯ᠂ ᠬᠦᠮᠦᠨ ᠬᠡᠷᠡᠭᠯᠡᠬᠦ ᠨᠢᠭᠡᠴᠡ ᠪᠤᠯᠤᠨ ᠬᠦᠳᠡᠯᠮᠤᠷᠢᠴᠢᠨ ᠲᠤᠬᠳᠠᠮᠠᠯ ᠪᠤᠰᠤ ᠬᠤᠭᠤᠴᠠᠭᠠᠨ ᠤ | ᠬᠦᠳᠡᠯᠮᠤᠷᠢ ᠶᠢᠨ ᠭᠡᠷ᠎ᠡ ᠲᠤᠬᠳᠠᠬᠰᠠᠨ ᠳᠤ ᠲᠤᠭᠠᠴᠠᠬᠳᠠᠨ᠎ᠠ᠃ | ᠠᠷᠪᠠᠨ ᠲᠠᠪᠤᠳᠤᠭᠠᠷ ᠵᠦᠢᠯ ᠵᠤᠬᠢᠬᠤ ᠠᠵᠢᠯ ᠤᠨ ᠡᠭᠦᠷᠭᠡ ᠶᠢ ᠪᠡᠶᠡᠯᠡᠭᠦᠯᠬᠦ ᠪᠠᠷ ᠬᠤᠭᠤᠴᠠᠭᠠᠯᠠᠬᠰᠠᠨ ᠬᠦᠳᠡᠯᠮᠤᠷᠢ ᠶᠢᠨ ᠭᠡᠷ᠎ᠡ ᠭᠡᠳᠡᠭ ᠨᠢ ᠬᠦᠮᠦᠨ ᠬᠡᠷᠡᠭᠯᠡᠬᠦ | ᠨᠢᠭᠡᠴᠡ ᠪᠤᠯᠤᠨ ᠬᠦᠳᠡᠯᠮᠤᠷᠢᠯᠡᠭᠴᠢ ᠶᠠᠮᠠᠷ ᠨᠢᠭᠡᠨ ᠠᠵᠢᠯ ᠢ ᠪᠡᠶᠡᠯᠡᠭᠦᠯᠬᠦ ᠪᠠᠷ ᠭᠡᠷ᠎ᠡ ᠶᠢᠨ ᠬᠤᠭᠤᠴᠠᠭ᠎ᠠ ᠪᠤᠯᠭᠠᠬᠰᠠᠨ ᠬᠦᠳᠡᠯᠮᠤᠷᠢ ᠶᠢᠨ ᠭᠡᠷ᠎ᠡ ᠲᠤᠬᠳᠠᠬᠤ ᠶᠢ ᠬᠡᠯᠡᠵᠤ | ᠪᠠᠶᠢᠨ᠎ᠠ᠃ | ᠬᠦᠮᠦᠨ ᠬᠡᠷᠡᠭᠯᠡᠬᠦ ᠨᠢᠭᠡᠴᠡ ᠪᠤᠯᠤᠨ ᠬᠦᠳᠡᠯᠮᠤᠷᠢᠯᠡᠭᠴᠢ ᠵᠦᠪᠳᠡᠯᠴᠡᠵᠤ ᠰᠠᠨᠠᠯ ᠨᠢᠭᠡᠳᠪᠡᠯ᠂ ᠵᠤᠬᠢᠬᠤ ᠠᠵᠢᠯ ᠤᠨ ᠡᠭᠦᠷᠭᠡ ᠶᠢ ᠪᠡᠶᠡᠯᠡᠭᠦᠯᠬᠦ ᠪᠠᠷ | ᠬᠤᠭᠤᠴᠠᠭᠠᠯᠠᠬᠰᠠᠨ ᠬᠦᠳᠡᠯᠮᠤᠷᠢ ᠶᠢᠨ ᠭᠡᠷ᠎ᠡ ᠶᠢ ᠲᠤᠬᠳᠠᠵᠤ ᠪᠤᠯᠤᠨ᠎ᠠ᠃ | ᠠᠷᠪᠠᠨ ᠵᠢᠷᠭᠤᠳᠤᠭᠠᠷ ᠵᠦᠢᠯ ᠬᠦᠳᠡᠯᠮᠤᠷᠢ ᠶᠢᠨ ᠭᠡᠷ᠎ᠡ ᠶᠢ ᠬᠦᠮᠦᠨ ᠬᠡᠷᠡᠭᠯᠡᠬᠦ ᠨᠢᠭᠡᠴᠡ ᠪᠤᠯᠤᠨ ᠬᠦᠳᠡᠯᠮᠤᠷᠢᠴᠢᠨ ᠵᠦᠪᠳᠡᠯᠴᠡᠵᠤ ᠰᠠᠨᠠᠯ ᠨᠢᠭᠡᠳᠦᠭᠰᠡᠨ ᠪᠦᠭᠡᠳ | ᠬᠦᠮᠦᠨ ᠬᠡᠷᠡᠭᠯᠡᠬᠦ ᠨᠢᠭᠡᠴᠡ ᠪᠤᠯᠤᠨ ᠬᠦᠳᠡᠯᠮᠤᠷᠢᠴᠢᠨ ᠬᠦᠳᠡᠯᠮᠤᠷᠢ ᠶᠢᠨ ᠭᠡᠷ᠎ᠡ ᠶᠢᠨ ᠪᠢᠴᠢᠭ ᠲᠤ ᠭᠠᠷ ᠤᠨ ᠦᠰᠦᠭ ᠵᠢᠷᠤᠬᠤ ᠪᠤᠶᠤ ᠲᠠᠮᠠᠭ᠎ᠠ ᠲᠠᠷᠤᠬᠰᠠᠨ ᠪᠠᠶᠢᠪᠠᠯ | ᠬᠦᠳᠡᠯᠮᠤᠷᠢ ᠶᠢᠨ ᠭᠡᠷ᠎ᠡ ᠬᠦᠴᠦᠨ ᠲᠠᠢ ᠪᠤᠯᠤᠨ᠎ᠠ᠃ | ᠬᠦᠳᠡᠯᠮᠤᠷᠢ ᠶᠢᠨ ᠭᠡᠷ᠎ᠡ ᠶᠢᠨ ᠪᠢᠴᠢᠭ ᠢ ᠬᠦᠮᠦᠨ ᠬᠡᠷᠡᠭᠯᠡᠬᠦ ᠨᠢᠭᠡᠴᠡ ᠪᠤᠯᠤᠨ ᠬᠦᠳᠡᠯᠮᠤᠷᠢᠴᠢᠨ ᠲᠤᠰ ᠲᠤᠰ ᠨᠢᠭᠡ ᠬᠤᠪᠢ ᠦᠯᠡᠳᠡᠭᠡᠨ᠎ᠡ᠃ | ᠠᠷᠪᠠᠨ ᠲᠤᠯᠤᠳᠤᠭᠠᠷ ᠵᠦᠢᠯ ᠬᠦᠳᠡᠯᠮᠤᠷᠢ ᠶᠢᠨ ᠭᠡᠷ᠎ᠡ ᠳᠤ ᠲᠤᠤᠷ᠎ᠠ ᠵᠢᠬᠰᠠᠭᠠᠬᠰᠠᠨ ᠵᠦᠢᠯ ᠵᠤᠷᠪᠤᠰ ᠢ ᠪᠦᠷᠢᠯᠳᠦᠭᠦᠯᠦᠭᠰᠡᠨ ᠪᠠᠶᠢᠬᠤ ᠬᠡᠷᠡᠭᠳᠠᠢ᠄ | ︵ᠨᠢᠭᠡ︶ ᠬᠦᠮᠦᠨ ᠬᠡᠷᠡᠭᠯᠡᠬᠦ ᠨᠢᠭᠡᠴᠡ ᠶᠢᠨ ᠨᠡᠷᠡᠶᠢᠳᠤᠯ᠂ ᠰᠠᠭᠤᠭ᠎ᠠ ᠭᠠᠵᠠᠷ᠂ ᠬᠠᠤᠯᠢ ᠪᠠᠷ ᠲᠤᠬᠳᠠᠭᠠᠬᠰᠠᠨ ᠲᠦᠯᠦᠭᠡᠯᠡᠭᠴᠢ ᠪᠤᠶᠤ ᠭᠤᠤᠯ ᠬᠠᠷᠢᠭᠤᠴᠠᠯᠭᠠᠳᠠᠨ | ︔ | ︵ᠬᠤᠶᠠᠷ︶ ᠬᠦᠳᠡᠯᠮᠤᠷᠢᠴᠢᠨ ᠤ ᠤᠪᠤᠬ ᠨᠡᠷ᠎ᠡ᠂ ᠰᠠᠭᠤᠭ᠎ᠠ ᠭᠠᠵᠠᠷ ᠪᠠ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠪᠤᠶᠤ ᠪᠤᠰᠤᠳ ᠬᠦᠴᠦᠨ ᠪᠦᠬᠦᠢ | ᠪᠡᠶ᠎ᠡ ᠶᠢᠨ ᠭᠡᠷᠡᠴᠢ ᠦᠨᠡᠮᠯᠡᠯ ᠤᠨ ᠨᠤᠮᠧᠷ︔ | ︵ᠭᠤᠷᠪᠠ︶ ᠬᠦᠳᠡᠯᠮᠤᠷᠢ ᠶᠢᠨ ᠭᠡᠷ᠎ᠡ ᠶᠢᠨ ᠬᠤᠭᠤᠴᠠᠭ᠎ᠠ︔ | ︵ᠲᠦᠷᠪᠡ︶ ᠠᠵᠢᠯ ᠤᠨ ᠠᠭᠤᠯᠭ᠎ᠠ ᠪᠠ ᠠᠵᠢᠯᠯᠠᠬᠤ ᠭᠠᠵᠠᠷ︔ | ︵ᠲᠠᠪᠤ︶ ᠠᠵᠢᠯᠯᠠᠬᠤ ᠴᠠᠬ ᠪᠠ ᠠᠮᠠᠷᠠᠯᠳᠠ᠂ ᠠᠮᠠᠷᠠᠯᠳᠠ ᠶᠢᠨ ᠴᠢᠯᠦᠭᠡ︔ | ︵ᠵᠢᠷᠭᠤᠭ᠎ᠠ︶ ᠬᠦᠳᠡᠯᠮᠤᠷᠢ ᠶᠢᠨ ᠤᠯᠭᠤᠮᠵᠢ︔ | ︵ᠲᠤᠯᠤᠭ᠎ᠠ︶ ᠨᠡᠶᠢᠭᠡᠮ ᠤᠨ ᠲᠠᠭᠠᠳᠬᠠᠯ︔ | ︵ᠨᠠᠢᠮᠠ︶ ᠬᠦᠳᠡᠯᠮᠤᠷᠢ ᠶᠢᠨ ᠬᠠᠮᠠᠭᠠᠯᠠᠯᠳᠠ᠂ ᠬᠦᠳᠡᠯᠮᠤᠷᠢ ᠶᠢᠨ ᠨᠦᠬᠦᠴᠡᠯ ᠪᠠ ᠠᠵᠢᠯ ᠮᠡᠷᠭᠡᠵᠢᠯ ᠤᠨ ᠬᠤᠤᠷ ᠬᠦᠨᠦᠭᠡᠯ ᠤᠨ ᠬᠠᠮᠠᠭᠠᠯᠠᠯᠳᠠ︔ | ︵ᠶᠢᠰᠦ︶ ᠬᠠᠤᠯᠢ ᠲᠦᠷᠢᠮ ᠳᠤ ᠲᠤᠬᠳᠠᠭᠠᠬᠰᠠᠨ ᠬᠦᠳᠡᠯᠮᠤᠷᠢ ᠶᠢᠨ ᠭᠡᠷ᠎ᠡ ᠳᠤ ᠤᠷᠤᠭᠤᠯᠬᠤ ᠴᠢᠬᠤᠯᠠ ᠲᠠᠢ ᠪᠤᠰᠤᠳ ᠵᠦᠢᠯ᠃ | ᠬᠦᠳᠡᠯᠮᠤᠷᠢ ᠶᠢᠨ ᠭᠡᠷ᠎ᠡ ᠳᠤ ᠡᠮᠦᠨᠡᠬᠢ ᠪᠠᠳᠠᠬ ᠲᠤ ᠲᠤᠬᠳᠠᠭᠠᠬᠰᠠᠨ ᠵᠠᠪᠠᠯ ᠪᠦᠷᠢᠯᠳᠦᠭᠦᠯᠬᠦ ᠴᠢᠬᠤᠯᠠ ᠲᠠᠢ ᠵᠦᠢᠯ ᠪᠠᠶᠢᠬᠤ ᠠᠴᠠ ᠭᠠᠳᠠᠨ᠎ᠠ᠂ ᠬᠦᠮᠦᠨ ᠬᠡᠷᠡᠭᠯᠡᠬᠦ | ᠨᠢᠭᠡᠴᠡ ᠪᠤᠯᠤᠨ ᠬᠦᠳᠡᠯᠮᠤᠷᠢᠴᠢᠨ ᠪᠠᠰᠠ ᠲᠤᠷᠰᠢᠨ ᠬᠡᠷᠡᠭᠯᠡᠬᠦ ᠬᠤᠭᠤᠴᠠᠭ᠎ᠠ᠂ ᠪᠤᠯᠪᠠᠰᠤᠷᠠᠯ᠂ ᠨᠢᠭᠤᠴᠠ ᠶᠢ ᠬᠠᠮᠠᠭᠠᠯᠠᠬᠤ᠂ ᠨᠦᠬᠦᠪᠤᠷᠢ ᠲᠠᠭᠠᠳᠬᠠᠯ ᠪᠠ ᠠᠰᠠᠷᠠᠮᠵᠢ | ᠬᠠᠷᠠᠭᠠᠯᠵᠠᠯ ᠵᠡᠷᠭᠡ ᠪᠤᠰᠤᠳ ᠵᠦᠢᠯ ᠤᠳ ᠢ ᠪᠤᠯᠵᠤᠨ ᠲᠤᠬᠳᠠᠵᠤ ᠪᠤᠯᠤᠨ᠎ᠠ᠃ | ᠠᠷᠪᠠᠨ ᠨᠠᠢᠮᠠᠳᠤᠭᠠᠷ ᠵᠦᠢᠯ ᠬᠦᠳᠡᠯᠮᠤᠷᠢ ᠶᠢᠨ ᠭᠡᠷ᠎ᠡ ᠳᠤ ᠬᠦᠳᠡᠯᠮᠤᠷᠢ ᠶᠢᠨ ᠤᠯᠭᠤᠮᠵᠢ ᠪᠠ ᠬᠦᠳᠡᠯᠮᠤᠷᠢ ᠶᠢᠨ ᠨᠦᠬᠦᠴᠡᠯ ᠵᠡᠷᠭᠡ ᠪᠠᠷᠢᠮᠵᠢᠶ᠎ᠠ ᠶᠢᠨ ᠲᠤᠬᠠᠢ | ᠪᠤᠯᠵᠤᠨ ᠲᠤᠬᠳᠠᠬᠰᠠᠨ ᠨᠢ ᠲᠤᠳᠤᠷᠬᠠᠢ ᠦᠭᠡᠢ ᠠᠴᠠ ᠪᠤᠯᠵᠤ ᠮᠠᠷᠭᠤᠭᠠᠨ ᠭᠠᠷᠪᠠᠯ᠂ ᠬᠦᠮᠦᠨ ᠬᠡᠷᠡᠭᠯᠡᠬᠦ ᠨᠢᠭᠡᠴᠡ ᠪᠤᠯᠤᠨ ᠬᠦᠳᠡᠯᠮᠤᠷᠢᠴᠢᠨ ᠲᠠᠬᠢᠨ ᠵᠦᠪᠳᠡᠯᠴᠡᠵᠤ | ᠪᠤᠯᠤᠨ᠎ᠠ︔ ᠵᠦᠪᠳᠡᠯᠴᠡᠭᠡᠳ ᠪᠦᠳᠦᠬᠦ ᠦᠭᠡᠢ ᠪᠤᠯ᠂ ᠬᠠᠮᠳᠤ ᠶᠢᠨ ᠭᠡᠷ᠎ᠡ ᠶᠢᠨ ᠲᠤᠬᠳᠠᠭᠠᠯ ᠢ ᠬᠡᠷᠡᠭᠵᠢᠭᠦᠯᠤᠨ᠎ᠡ︔ ᠬᠠᠮᠳᠤ ᠶᠢᠨ ᠭᠡᠷ᠎ᠡ ᠪᠠᠶᠢᠬᠤ ᠦᠭᠡᠢ ᠪᠤᠶᠤ | ᠬᠠᠮᠳᠤ ᠶᠢᠨ ᠭᠡᠷ᠎ᠡ ᠳᠤ ᠬᠦᠳᠡᠯᠮᠤᠷᠢ ᠶᠢᠨ ᠤᠯᠭᠤᠮᠵᠢ ᠶᠢ ᠲᠤᠬᠳᠠᠭᠠᠬᠰᠠᠨ ᠦᠭᠡᠢ ᠪᠠᠶᠢᠪᠠᠯ᠂ ᠠᠳᠠᠯᠢ ᠬᠦᠳᠡᠯᠮᠤᠷᠢ ᠳᠤ ᠠᠳᠠᠯᠢ ᠤᠯᠭᠤᠮᠵᠢ ᠤᠯᠭᠤᠬᠤ ᠲᠦᠷᠢᠮ ᠢ | ᠬᠡᠷᠡᠭᠵᠢᠭᠦᠯᠤᠨ᠎ᠡ︔ ᠬᠠᠮᠳᠤ ᠶᠢᠨ ᠭᠡᠷ᠎ᠡ ᠦᠭᠡᠢ ᠪᠤᠶᠤ ᠬᠠᠮᠳᠤ ᠶᠢᠨ ᠭᠡᠷ᠎ᠡ ᠳᠤ ᠬᠦᠳᠡᠯᠮᠤᠷᠢ ᠶᠢᠨ ᠨᠦᠬᠦᠴᠡᠯ ᠢ ᠲᠤᠬᠳᠠᠭᠠᠬᠰᠠᠨ ᠦᠭᠡᠢ ᠪᠠᠶᠢᠪᠠᠯ᠂ ᠤᠯᠤᠰ ᠤᠨ | ᠬᠤᠯᠪᠤᠬᠳᠠᠯ ᠪᠦᠬᠦᠢ ᠲᠤᠬᠳᠠᠭᠠᠯ ᠢ ᠬᠡᠷᠡᠭᠵᠢᠭᠦᠯᠤᠨ᠎ᠡ᠃ | ᠠᠷᠪᠠ ᠶᠢᠰᠦᠳᠦᠭᠡᠷ ᠵᠦᠢᠯ ᠬᠦᠳᠡᠯᠮᠤᠷᠢ ᠶᠢᠨ ᠭᠡᠷ᠎ᠡ ᠶᠢᠨ ᠬᠤᠭᠤᠴᠠᠭ᠎ᠠ ᠨᠢ ᠭᠤᠷᠪᠠᠨ ᠰᠠᠷ᠎ᠠ ᠠᠴᠠ ᠲᠡᠭᠡᠭᠰᠢ᠂ ᠪᠦᠬᠦᠯᠢ ᠨᠢᠭᠡ ᠵᠢᠯ ᠬᠦᠷᠬᠦ ᠦᠭᠡᠢ ᠪᠠᠶᠢᠪᠠᠯ᠂ | ᠲᠤᠷᠰᠢᠨ ᠬᠡᠷᠡᠭᠯᠡᠬᠦ ᠬᠤᠭᠤᠴᠠᠭ᠎ᠠ ᠨᠢ ᠨᠢᠭᠡ ᠰᠠᠷ᠎ᠠ ᠠᠴᠠ ᠬᠡᠳᠦᠷᠡᠵᠤ ᠪᠤᠯᠬᠤ ᠦᠭᠡᠢ︔ ᠬᠦᠳᠡᠯᠮᠤᠷᠢ ᠶᠢᠨ ᠭᠡᠷ᠎ᠡ ᠶᠢᠨ ᠬᠤᠭᠤᠴᠠᠭ᠎ᠠ ᠨᠢ ᠨᠢᠭᠡ ᠵᠢᠯ ᠠᠴᠠ ᠲᠡᠭᠡᠭᠰᠢ᠂ | ᠪᠦᠬᠦᠯᠢ ᠭᠤᠷᠪᠠᠨ ᠵᠢᠯ ᠬᠦᠷᠬᠦ ᠦᠭᠡᠢ ᠪᠠᠶᠢᠪᠠᠯ᠂ ᠲᠤᠷᠰᠢᠨ ᠬᠡᠷᠡᠭᠯᠡᠬᠦ ᠬᠤᠭᠤᠴᠠᠭ᠎ᠠ ᠨᠢ ᠬᠤᠶᠠᠷ ᠰᠠᠷ᠎ᠠ ᠠᠴᠠ ᠬᠡᠳᠦᠷᠡᠵᠤ ᠪᠤᠯᠬᠤ ᠦᠭᠡᠢ︔ ᠭᠤᠷᠪᠠᠨ ᠵᠢᠯ ᠠᠴᠠ | ᠲᠡᠭᠡᠭᠰᠢ ᠲᠤᠬᠳᠠᠮᠠᠯ ᠬᠤᠭᠤᠴᠠᠭ᠎ᠠ ᠲᠠᠢ ᠪᠠ ᠲᠤᠬᠳᠠᠮᠠᠯ ᠪᠤᠰᠤ ᠬᠤᠭᠤᠴᠠᠭᠠᠨ ᠤ ᠬᠦᠳᠡᠯᠮᠤᠷᠢ ᠶᠢᠨ ᠭᠡᠷ᠎ᠡ ᠶᠢᠨ ᠲᠤᠷᠰᠢᠨ ᠬᠡᠷᠡᠭᠯᠡᠬᠦ ᠬᠤᠭᠤᠴᠠᠭ᠎ᠠ ᠨᠢ ᠵᠢᠷᠭᠤᠭᠠᠨ | ᠰᠠᠷ᠎ᠠ ᠠᠴᠠ ᠬᠡᠳᠦᠷᠡᠵᠤ ᠪᠤᠯᠬᠤ ᠦᠭᠡᠢ᠃ | ᠠᠳᠠᠯᠢ ᠨᠢᠭᠡᠨ ᠬᠦᠮᠦᠨ ᠬᠡᠷᠡᠭᠯᠡᠬᠦ ᠨᠢᠭᠡᠴᠡ ᠪᠤᠯᠤᠨ ᠠᠳᠠᠯᠢ ᠨᠢᠭᠡᠨ ᠬᠦᠳᠡᠯᠮᠤᠷᠢᠴᠢᠨ ᠨᠢ ᠲᠤᠷᠰᠢᠨ ᠬᠡᠷᠡᠭᠯᠡᠬᠦ ᠬᠤᠭᠤᠴᠠᠭ᠎ᠠ ᠶᠢ ᠵᠦᠪᠬᠡᠨ ᠨᠢᠭᠡ ᠤᠳᠠᠭ᠎ᠠ | ᠪᠤᠯᠵᠤᠨ ᠲᠤᠬᠳᠠᠵᠤ ᠪᠤᠯᠤᠨ᠎ᠠ᠃ | ᠵᠤᠬᠢᠬᠤ ᠠᠵᠢᠯ ᠤᠨ ᠡᠭᠦᠷᠭᠡ ᠶᠢ ᠪᠡᠶᠡᠯᠡᠭᠦᠯᠬᠦ ᠪᠠᠷ ᠬᠤᠭᠤᠴᠠᠭᠠᠯᠠᠬᠰᠠᠨ ᠬᠦᠳᠡᠯᠮᠤᠷᠢ ᠶᠢᠨ ᠭᠡᠷ᠎ᠡ ᠪᠤᠶᠤ ᠬᠦᠳᠡᠯᠮᠤᠷᠢ ᠶᠢᠨ ᠭᠡᠷ᠎ᠡ ᠶᠢᠨ ᠬᠤᠭᠤᠴᠠᠭ᠎ᠠ ᠨᠢ ᠭᠤᠷᠪᠠᠨ | ᠰᠠᠷ᠎ᠠ ᠪᠤᠯᠤᠭᠠᠳᠤᠢ ᠪᠠᠶᠢᠪᠠᠯ᠂ ᠲᠤᠷᠰᠢᠨ ᠬᠡᠷᠡᠭᠯᠡᠬᠦ ᠬᠤᠭᠤᠴᠠᠭ᠎ᠠ ᠶᠢ ᠪᠤᠯᠵᠤᠨ ᠲᠤᠬᠳᠠᠵᠤ ᠪᠤᠯᠬᠤ ᠦᠭᠡᠢ᠃ | ᠲᠤᠷᠰᠢᠨ ᠬᠡᠷᠡᠭᠯᠡᠬᠦ ᠬᠤᠭᠤᠴᠠᠭ᠎ᠠ ᠨᠢ ᠬᠦᠳᠡᠯᠮᠤᠷᠢ ᠶᠢᠨ ᠭᠡᠷ᠎ᠡ ᠶᠢᠨ ᠬᠤᠭᠤᠴᠠᠭᠠᠨ ᠤ ᠲᠤᠳᠤᠷ᠎ᠠ ᠪᠠᠭᠳᠠᠨ᠎ᠠ᠃ ᠬᠦᠳᠡᠯᠮᠤᠷᠢ ᠶᠢᠨ ᠭᠡᠷ᠎ᠡ ᠳᠤ ᠵᠦᠪᠬᠡᠨ ᠲᠤᠷᠰᠢᠨ | ᠬᠡᠷᠡᠭᠯᠡᠬᠦ ᠬᠤᠭᠤᠴᠠᠭ᠎ᠠ ᠶᠢ ᠪᠤᠯᠵᠤᠨ ᠲᠤᠬᠳᠠᠬᠰᠠᠨ ᠪᠠᠶᠢᠪᠠᠯ᠂ ᠲᠡᠷᠡ ᠨᠢ ᠬᠦᠴᠦᠨ ᠦᠭᠡᠢ᠂ ᠲᠤᠰ ᠬᠤᠭᠤᠴᠠᠭ᠎ᠠ ᠪᠤᠯ ᠬᠦᠳᠡᠯᠮᠤᠷᠢ ᠶᠢᠨ ᠭᠡᠷ᠎ᠡ ᠶᠢᠨ ᠬᠤᠭᠤᠴᠠᠭ᠎ᠠ | ᠪᠤᠯᠤᠨ᠎ᠠ᠃ | ᠬᠤᠷᠢᠳᠤᠭᠠᠷ ᠵᠦᠢᠯ ᠬᠦᠳᠡᠯᠮᠤᠷᠢᠴᠢᠨ ᠢ ᠲᠤᠷᠰᠢᠨ ᠬᠡᠷᠡᠭᠯᠡᠬᠦ ᠬᠤᠭᠤᠴᠠᠭᠠᠨ ᠳᠠᠬᠢ ᠴᠠᠯᠢᠩ ᠨᠢ ᠲᠤᠰ ᠨᠢᠭᠡᠴᠡ ᠶᠢᠨ ᠠᠳᠠᠯᠢ ᠠᠵᠢᠯ ᠤᠨ ᠪᠠᠶᠢᠷᠢ ᠶᠢᠨ | ᠬᠠᠮᠤᠬ ᠤᠨ ᠲᠤᠤᠷ᠎ᠠ ᠲᠡᠰ ᠤᠨ ᠴᠠᠯᠢᠩ ᠪᠤᠶᠤ ᠬᠦᠳᠡᠯᠮᠤᠷᠢ ᠶᠢᠨ ᠭᠡᠷ᠎ᠡ ᠳᠤ ᠪᠤᠯᠵᠤᠨ ᠲᠤᠬᠳᠠᠬᠰᠠᠨ ᠴᠠᠯᠢᠩ ᠤᠨ ᠵᠠᠭᠤᠨ ᠤ ᠨᠠᠶᠠ ᠠᠴᠠ ᠲᠤᠤᠷ᠎ᠠ ᠪᠠᠶᠢᠵᠤ ᠪᠤᠯᠬᠤ | ᠦᠭᠡᠢ ᠪᠦᠭᠡᠳ ᠬᠦᠮᠦᠨ ᠬᠡᠷᠡᠭᠯᠡᠬᠦ ᠨᠢᠭᠡᠴᠡ ᠶᠢᠨ ᠰᠠᠭᠤᠭ᠎ᠠ ᠭᠠᠵᠠᠷ ᠤᠨ ᠬᠠᠮᠤᠬ ᠤᠨ ᠲᠤᠤᠷ᠎ᠠ ᠴᠠᠯᠢᠩ ᠤᠨ ᠪᠠᠷᠢᠮᠵᠢᠶ᠎ᠠ ᠠᠴᠠ ᠲᠤᠤᠷ᠎ᠠ ᠪᠠᠶᠢᠵᠤ ᠪᠤᠯᠬᠤ ᠦᠭᠡᠢ᠃ | ᠬᠤᠷᠢᠨ ᠨᠢᠭᠡᠳᠤᠭᠡᠷ ᠵᠦᠢᠯ ᠲᠤᠷᠰᠢᠨ ᠬᠡᠷᠡᠭᠯᠡᠬᠦ ᠬᠤᠭᠤᠴᠠᠭᠠᠨ ᠳᠤ᠂ ᠬᠦᠳᠡᠯᠮᠤᠷᠢᠴᠢᠨ ᠳᠤ ᠲᠤᠰ ᠬᠠᠤᠯᠢ ᠶᠢᠨ ᠭᠤᠴᠢ ᠶᠢᠰᠦᠳᠦᠭᠡᠷ ᠵᠦᠢᠯ ᠪᠠ ᠲᠦᠴᠢᠳᠦᠭᠡᠷ | ᠵᠦᠢᠯ ᠤᠨ ᠨᠢᠭᠡᠳᠤᠭᠡᠷ ᠵᠤᠷᠪᠤᠰ᠂ ᠬᠤᠶᠠᠳᠤᠭᠠᠷ ᠵᠤᠷᠪᠤᠰ ᠲᠤ ᠲᠤᠬᠳᠠᠭᠠᠬᠰᠠᠨ ᠪᠠᠶᠢᠳᠠᠯ ᠲᠠᠢ ᠪᠠᠶᠢᠬᠤ ᠶᠢ ᠭᠠᠷᠭᠠᠪᠠᠯ᠂ ᠬᠦᠮᠦᠨ ᠬᠡᠷᠡᠭᠯᠡᠬᠦ ᠨᠢᠭᠡᠴᠡ ᠬᠦᠳᠡᠯᠮᠤᠷᠢ ᠶᠢᠨ | ᠭᠡᠷ᠎ᠡ ᠶᠢ ᠬᠦᠴᠦᠨ ᠦᠭᠡᠢ ᠪᠤᠯᠭᠠᠵᠤ ᠪᠤᠯᠬᠤ ᠦᠭᠡᠢ᠃ ᠬᠦᠮᠦᠨ ᠬᠡᠷᠡᠭᠯᠡᠬᠦ ᠨᠢᠭᠡᠴᠡ ᠨᠢ ᠲᠤᠷᠰᠢᠨ ᠬᠡᠷᠡᠭᠯᠡᠬᠦ ᠬᠤᠭᠤᠴᠠᠭᠠᠨ ᠳᠤ ᠬᠦᠳᠡᠯᠮᠤᠷᠢ ᠶᠢᠨ ᠭᠡᠷ᠎ᠡ ᠶᠢ ᠬᠦᠴᠦᠨ | ᠦᠭᠡᠢ ᠪᠤᠯᠭᠠᠬᠤ ᠳᠤ ᠬᠦᠷᠪᠡᠯ᠂ ᠬᠦᠳᠡᠯᠮᠤᠷᠢᠴᠢᠨ ᠳᠤ ᠤᠴᠢᠷ ᠰᠢᠯᠳᠠᠭᠠᠨ ᠢ ᠨᠢ ᠲᠤᠳᠤᠷᠬᠠᠢᠢᠯᠠᠬᠤ ᠬᠡᠷᠡᠭᠳᠠᠢ᠃ | ᠬᠤᠷᠢᠨ ᠬᠤᠶᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠡ ᠨᠢ ᠬᠦᠳᠡᠯᠮᠤᠷᠢᠴᠢᠨ ᠳᠤ ᠲᠤᠰᠬᠠᠢ ᠪᠤᠯᠪᠠᠰᠤᠷᠠᠯ ᠤᠨ ᠵᠠᠷᠤᠳᠠᠯ ᠢ ᠬᠠᠩᠭᠠᠵᠤ᠂ ᠬᠦᠳᠡᠯᠮᠤᠷᠢᠴᠢᠨ ᠢ | ᠲᠤᠰᠬᠠᠢ ᠮᠡᠷᠭᠡᠵᠢᠯ ᠤᠨ ᠪᠤᠯᠪᠠᠰᠤᠷᠠᠯ ᠤᠨ ᠪᠤᠯᠪᠠᠰᠤᠷᠠᠯ ᠬᠢᠯᠭᠡᠬᠦ ᠳᠤ ᠬᠦᠷᠪᠡᠯ᠂ ᠲᠤᠰ ᠬᠦᠳᠡᠯᠮᠤᠷᠢᠴᠢᠨ ᠲᠠᠢ ᠬᠡᠯᠡᠯᠴᠡᠭᠡᠷ ᠲᠤᠬᠳᠠᠵᠤ᠂ ᠦᠢᠯᠡᠴᠢᠯᠡᠭᠡᠨ ᠤ | ᠬᠤᠭᠤᠴᠠᠭ᠎ᠠ ᠶᠢ ᠪᠤᠯᠵᠤᠨ ᠲᠤᠬᠳᠠᠵᠤ ᠪᠤᠯᠤᠨ᠎ᠠ᠃ | ᠬᠦᠳᠡᠯᠮᠤᠷᠢᠴᠢᠨ ᠦᠢᠯᠡᠴᠢᠯᠡᠭᠡᠨ ᠤ ᠬᠤᠭᠤᠴᠠᠭᠠᠨ ᠤ ᠪᠤᠯᠵᠤᠯ ᠠᠴᠠ ᠵᠦᠷᠢᠴᠡᠭᠰᠡᠨ ᠪᠠᠶᠢᠪᠠᠯ᠂ ᠪᠤᠯᠵᠤᠯ ᠶᠤᠰᠤᠭᠠᠷ ᠬᠦᠮᠦᠨ ᠬᠡᠷᠡᠭᠯᠡᠬᠦ ᠨᠢᠭᠡᠴᠡ ᠳᠤ ᠪᠤᠯᠵᠤᠭ᠎ᠠ | ᠵᠦᠷᠢᠴᠡᠭᠰᠡᠨ ᠮᠦᠡᠭᠬᠦ ᠲᠦᠯᠦᠬᠦ ᠬᠡᠷᠡᠭᠳᠠᠢ᠃ ᠪᠤᠯᠵᠤᠭ᠎ᠠ ᠵᠦᠷᠢᠴᠡᠭᠰᠡᠨ ᠮᠦᠡᠭᠬᠦ ᠶᠢᠨ ᠲᠤᠭ᠎ᠠ ᠨᠢ ᠬᠦᠮᠦᠨ ᠬᠡᠷᠡᠭᠯᠡᠬᠦ ᠨᠢᠭᠡᠴᠡ ᠶᠢᠨ ᠬᠠᠩᠭᠠᠬᠰᠠᠨ ᠪᠤᠯᠪᠠᠰᠤᠷᠠᠯ ᠤᠨ | ᠵᠠᠷᠤᠳᠠᠯ ᠠᠴᠠ ᠬᠡᠳᠦᠷᠡᠵᠤ ᠪᠤᠯᠬᠤ ᠦᠭᠡᠢ᠃ ᠬᠦᠮᠦᠨ ᠬᠡᠷᠡᠭᠯᠡᠬᠦ ᠨᠢᠭᠡᠴᠡ ᠶᠢᠨ ᠬᠦᠳᠡᠯᠮᠤᠷᠢᠴᠢᠨ ᠢᠶᠠᠷ ᠲᠦᠯᠦᠭᠦᠯᠬᠦ ᠪᠠᠷ ᠱᠠᠭᠠᠷᠳᠠᠬᠤ ᠪᠤᠯᠵᠤᠭ᠎ᠠ ᠵᠦᠷᠢᠴᠡᠭᠰᠡᠨ | ᠮᠦᠡᠭᠬᠦ ᠨᠢ ᠦᠢᠯᠡᠴᠢᠯᠡᠭᠡᠨ ᠤ ᠬᠤᠭᠤᠴᠠᠭᠠᠨ ᠳᠤ ᠬᠠᠷᠠᠬᠠᠨ ᠭᠦᠢᠴᠡᠳᠭᠡᠭᠦᠳᠠᠢ ᠬᠡᠰᠡᠭ ᠤᠨ ᠬᠤᠪᠢᠶᠠᠨ ᠲᠠᠭᠠᠭᠠᠬᠤ ᠶᠤᠰᠤᠳᠠᠢ ᠪᠤᠯᠪᠠᠰᠤᠷᠠᠯ ᠤᠨ ᠵᠠᠷᠤᠳᠠᠯ ᠠᠴᠠ | ᠬᠡᠳᠦᠷᠡᠵᠤ ᠪᠤᠯᠬᠤ ᠦᠭᠡᠢ᠃ | ᠬᠦᠮᠦᠨ ᠬᠡᠷᠡᠭᠯᠡᠬᠦ ᠨᠢᠭᠡᠴᠡ ᠪᠤᠯᠤᠨ ᠬᠦᠳᠡᠯᠮᠤᠷᠢᠴᠢᠨ ᠦᠢᠯᠡᠴᠢᠯᠡᠭᠡᠨ ᠤ ᠬᠤᠭᠤᠴᠠᠭ᠎ᠠ ᠶᠢ ᠪᠤᠯᠵᠤᠨ ᠲᠤᠬᠳᠠᠬᠰᠠᠨ ᠪᠠᠶᠢᠪᠠᠯ᠂ ᠬᠡᠪ ᠤᠨ ᠴᠠᠯᠢᠩ ᠲᠤᠬᠢᠷᠠᠭᠤᠯᠬᠤ | ᠲᠤᠬᠳᠠᠴᠠ ᠶᠤᠰᠤᠭᠠᠷ ᠬᠦᠳᠡᠯᠮᠤᠷᠢᠴᠢᠨ ᠤ ᠦᠢᠯᠡᠴᠢᠯᠡᠭᠡᠨ ᠤ ᠬᠤᠭᠤᠴᠠᠭᠠᠨ ᠳᠠᠬᠢ ᠬᠦᠳᠡᠯᠮᠤᠷᠢ ᠶᠢᠨ ᠤᠯᠭᠤᠮᠵᠢ ᠶᠢ ᠲᠡᠭᠡᠭᠰᠢᠯᠡᠭᠦᠯᠬᠦ ᠶᠢ ᠨᠦᠯᠦᠭᠡᠯᠡᠬᠦ ᠦᠭᠡᠢ᠃ | ᠬᠤᠷᠢᠨ ᠭᠤᠷᠪᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠡ ᠪᠤᠯᠤᠨ | ᠬᠦᠳᠡᠯᠮᠤᠷᠢᠴᠢᠨ ᠬᠦᠳᠡᠯᠮᠤᠷᠢ ᠶᠢᠨ ᠭᠡᠷ᠎ᠡ ᠳᠡᠭᠡᠨ ᠬᠦᠮᠦᠨ ᠬᠡᠷᠡᠭᠯᠡᠬᠦ ᠨᠢᠭᠡᠴᠡ ᠶᠢᠨ ᠬᠤᠳᠠᠯᠳᠤᠭᠠᠨ ᠤ ᠨᠢᠭᠤᠴᠠ ᠪᠤᠯᠤᠨ ᠮᠡᠳᠡᠯᠭᠡ ᠶᠢᠨ ᠪᠦᠳᠦᠭᠡᠭᠳᠡᠬᠦᠨ ᠤ ᠦᠮᠴᠢᠯᠡᠬᠦ | ᠡᠷᠬᠡ ᠲᠠᠢ ᠬᠤᠯᠪᠤᠬᠳᠠᠬᠤ ᠨᠢᠭᠤᠴᠠ ᠶᠢ ᠬᠠᠮᠠᠭᠠᠯᠠᠬᠤ ᠤᠴᠢᠷ ᠶᠠᠪᠤᠳᠠᠯ ᠢ ᠪᠤᠯᠵᠤᠨ ᠲᠤᠬᠳᠠᠵᠤ ᠪᠤᠯᠤᠨ᠎ᠠ᠃ ᠬᠦᠮᠦᠨ ᠬᠡᠷᠡᠭᠯᠡᠬᠦ ᠨᠢᠭᠡᠴᠡ ᠨᠢ ᠬᠦᠳᠡᠯᠮᠤᠷᠢ ᠶᠢᠨ | ᠭᠡᠷ᠎ᠡ ᠪᠤᠶᠤ ᠨᠢᠭᠤᠴᠠ ᠶᠢ ᠬᠠᠮᠠᠭᠠᠯᠠᠬᠤ ᠬᠡᠯᠡᠯᠴᠡᠭᠡᠷ ᠲᠡᠭᠡᠨ ᠨᠢᠭᠤᠴᠠ ᠶᠢ ᠬᠠᠮᠠᠭᠠᠯᠠᠬᠤ ᠡᠭᠦᠷᠭᠡ ᠲᠠᠢ ᠬᠦᠳᠡᠯᠮᠤᠷᠢᠴᠢᠨ ᠲᠠᠢ ᠠᠵᠢᠯ ᠲᠦᠷᠦᠯ ᠤᠨ ᠦᠷᠢᠰᠦᠯᠳᠦᠭᠡᠨ ᠤ | ᠬᠢᠵᠠᠭᠠᠷᠯᠠᠯ ᠤᠨ ᠵᠦᠢᠯ ᠵᠤᠷᠪᠤᠰ ᠢ ᠪᠤᠯᠵᠤᠨ ᠲᠤᠬᠳᠠᠬᠤ ᠶᠢᠨ ᠬᠠᠮᠳᠤ ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠤ ᠪᠤᠶᠤ ᠲᠠᠭᠤᠰᠬᠠᠬᠰᠠᠨ ᠤ ᠲᠠᠷᠠᠭ᠎ᠠ᠂ | ᠠᠵᠢᠯ ᠲᠦᠷᠦᠯ ᠤᠨ ᠦᠷᠢᠰᠦᠯᠳᠦᠭᠡᠨ ᠤ ᠬᠢᠵᠠᠭᠠᠷᠯᠠᠯ ᠤᠨ ᠬᠤᠭᠤᠴᠠᠭᠠᠨ ᠳᠤ ᠬᠦᠳᠡᠯᠮᠤᠷᠢᠴᠢᠨ ᠳᠤ ᠰᠠᠷ᠎ᠠ ᠪᠠᠷ ᠪᠤᠳᠤᠵᠤ ᠠᠵᠤ ᠠᠬᠤᠢ ᠶᠢᠨ ᠨᠦᠬᠦᠪᠤᠷᠢ ᠦᠭᠬᠦ ᠪᠠᠷ | ᠪᠤᠯᠵᠤᠨ ᠲᠤᠬᠳᠠᠵᠤ ᠪᠤᠯᠤᠨ᠎ᠠ᠃ ᠬᠦᠳᠡᠯᠮᠤᠷᠢᠴᠢᠨ ᠠᠵᠢᠯ ᠲᠦᠷᠦᠯ ᠤᠨ ᠦᠷᠢᠰᠦᠯᠳᠦᠭᠡᠨ ᠤ ᠬᠢᠵᠠᠭᠠᠷᠯᠠᠯ ᠤᠨ ᠪᠤᠯᠵᠤᠯ ᠢ ᠵᠦᠷᠢᠴᠡᠬᠦ ᠳᠤ ᠬᠦᠷᠪᠡᠯ᠂ ᠪᠤᠯᠵᠤᠯ | ᠶᠤᠰᠤᠭᠠᠷ ᠬᠦᠮᠦᠨ ᠬᠡᠷᠡᠭᠯᠡᠬᠦ ᠨᠢᠭᠡᠴᠡ ᠳᠤ ᠪᠤᠯᠵᠤᠭ᠎ᠠ ᠵᠦᠷᠢᠴᠡᠭᠰᠡᠨ ᠮᠦᠡᠭᠬᠦ ᠲᠦᠯᠦᠬᠦ ᠬᠡᠷᠡᠭᠳᠠᠢ᠃ | ᠬᠤᠷᠢᠨ ᠲᠦᠷᠪᠡᠳᠦᠭᠡᠷ ᠵᠦᠢᠯ ᠠᠵᠢᠯ ᠲᠦᠷᠦᠯ ᠤᠨ ᠦᠷᠢᠰᠦᠯᠳᠦᠭᠡᠨ ᠤ ᠬᠢᠵᠠᠭᠠᠷᠯᠠᠯ ᠲᠠᠢ ᠬᠦᠮᠦᠰ ᠢ ᠬᠦᠮᠦᠨ ᠬᠡᠷᠡᠭᠯᠡᠬᠦ ᠨᠢᠭᠡᠴᠡ ᠶᠢᠨ ᠲᠡᠭᠡᠳᠤ ᠵᠡᠷᠭᠡ ᠶᠢᠨ | ᠬᠠᠮᠢᠶᠠᠷᠤᠯᠳᠠ ᠶᠢᠨ ᠠᠵᠢᠯᠳᠡᠨ᠂ ᠲᠡᠭᠡᠳᠤ ᠵᠡᠷᠭᠡ ᠶᠢᠨ ᠮᠡᠷᠭᠡᠵᠢᠯ ᠤᠨ ᠠᠵᠢᠯᠳᠡᠨ ᠪᠠ ᠨᠢᠭᠤᠴᠠ ᠶᠢ ᠬᠠᠮᠠᠭᠠᠯᠠᠬᠤ ᠬᠠᠷᠢᠭᠤᠴᠠᠯᠭ᠎ᠠ ᠪᠦᠬᠦᠢ ᠪᠤᠰᠤᠳ ᠠᠵᠢᠯᠳᠡᠨ ᠤ | ᠲᠤᠳᠤᠷ᠎ᠠ ᠬᠢᠵᠠᠭᠠᠷᠯᠠᠨ᠎ᠠ᠃ ᠠᠵᠢᠯ ᠲᠦᠷᠦᠯ ᠤᠨ ᠦᠷᠢᠰᠦᠯᠳᠦᠭᠡᠨ ᠤ ᠬᠢᠵᠠᠭᠠᠷᠯᠠᠯ ᠤᠨ ᠬᠦᠷᠢᠶ᠎ᠡ ᠬᠡᠪᠴᠢᠶ᠎ᠡ᠂ ᠭᠠᠵᠠᠷ ᠤᠷᠤᠨ᠂ ᠬᠤᠭᠤᠴᠠᠭ᠎ᠠ ᠶᠢ ᠬᠦᠮᠦᠨ ᠬᠡᠷᠡᠭᠯᠡᠬᠦ | ᠨᠢᠭᠡᠴᠡ ᠪᠤᠯᠤᠨ ᠬᠦᠳᠡᠯᠮᠤᠷᠢᠴᠢᠨ ᠪᠤᠯᠵᠤᠨ ᠲᠤᠬᠳᠠᠨ᠎ᠠ᠂ ᠠᠵᠢᠯ ᠲᠦᠷᠦᠯ ᠤᠨ ᠦᠷᠢᠰᠦᠯᠳᠦᠭᠡᠨ ᠤ ᠬᠢᠵᠠᠭᠠᠷᠯᠠᠯ ᠤᠨ ᠪᠤᠯᠵᠤᠯ ᠨᠢ ᠬᠠᠤᠯᠢ ᠴᠠᠭᠠᠵᠠ᠂ ᠬᠠᠤᠯᠢ | ᠲᠤᠬᠳᠠᠭᠠᠯ ᠤᠨ ᠲᠤᠬᠳᠠᠭᠠᠯ ᠢ ᠵᠦᠷᠢᠴᠡᠵᠤ ᠪᠤᠯᠬᠤ ᠦᠭᠡᠢ᠃ | ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠤ ᠪᠤᠶᠤ ᠲᠠᠭᠤᠰᠬᠠᠬᠰᠠᠨ ᠤ ᠲᠠᠷᠠᠭ᠎ᠠ᠂ ᠡᠮᠦᠨᠡᠬᠢ ᠪᠠᠳᠠᠬ ᠲᠤ ᠲᠤᠬᠳᠠᠭᠠᠬᠰᠠᠨ ᠠᠵᠢᠯᠳᠡᠨ ᠲᠤᠰ | ᠨᠢᠭᠡᠴᠡ ᠶᠢᠨ ᠠᠳᠠᠯᠢ ᠲᠦᠷᠦᠯ ᠤᠨ ᠦᠢᠯᠡᠳᠬᠦᠨ ᠢ ᠦᠢᠯᠡᠳᠪᠤᠷᠢᠯᠡᠬᠦ ᠪᠤᠶᠤ ᠡᠵᠡᠩᠨᠡᠬᠦ᠂ ᠠᠳᠠᠯᠢ ᠲᠦᠷᠦᠯ ᠤᠨ ᠲᠤᠬᠠᠢᠢᠯᠠᠬᠰᠠᠨ ᠠᠵᠢᠯ ᠢ ᠡᠷᠬᠢᠯᠡᠭᠰᠡᠨ | ᠦᠷᠢᠰᠦᠯᠳᠡᠭᠡᠨ ᠤ ᠬᠠᠷᠢᠴᠠᠭ᠎ᠠ ᠲᠠᠢ ᠪᠤᠰᠤᠳ ᠬᠦᠮᠦᠨ ᠬᠡᠷᠡᠭᠯᠡᠬᠦ ᠨᠢᠭᠡᠴᠡ ᠳᠤ ᠤᠴᠢᠬᠤ᠂ ᠡᠰᠡᠭᠦᠯ᠎ᠡ ᠦᠪᠡᠷ ᠢᠶᠠᠨ ᠠᠵᠢᠯ ᠡᠬᠢᠯᠡᠭᠦᠯᠤᠨ ᠠᠳᠠᠯᠢ ᠲᠦᠷᠦᠯ ᠤᠨ | ᠦᠢᠯᠡᠳᠬᠦᠨ ᠢ ᠦᠢᠯᠡᠳᠪᠤᠷᠢᠯᠡᠬᠦ ᠪᠤᠶᠤ ᠡᠵᠡᠩᠨᠡᠬᠦ᠂ ᠠᠳᠠᠯᠢ ᠲᠦᠷᠦᠯ ᠤᠨ ᠲᠤᠬᠠᠢᠢᠯᠠᠬᠰᠠᠨ ᠠᠵᠢᠯ ᠢ ᠡᠷᠬᠢᠯᠡᠬᠦ ᠳᠤ ᠠᠵᠢᠯ ᠲᠦᠷᠦᠯ ᠤᠨ ᠦᠷᠢᠰᠦᠯᠳᠦᠭᠡᠨ ᠤ | ᠬᠢᠵᠠᠭᠠᠷᠯᠠᠯ ᠤᠨ ᠬᠤᠭᠤᠴᠠᠭ᠎ᠠ ᠶᠢ ᠨᠢ ᠬᠤᠶᠠᠷ ᠵᠢᠯ ᠠᠴᠠ ᠬᠡᠳᠦᠷᠡᠭᠦᠯᠵᠤ ᠪᠤᠯᠬᠤ ᠦᠭᠡᠢ᠃ | ᠬᠤᠷᠢᠨ ᠲᠠᠪᠤᠳᠤᠭᠠᠷ ᠵᠦᠢᠯ ᠲᠤᠰ ᠬᠠᠤᠯᠢ ᠶᠢᠨ ᠬᠤᠷᠢᠨ ᠬᠤᠶᠠᠳᠤᠭᠠᠷ ᠵᠦᠢᠯ ᠪᠠ ᠬᠤᠷᠢᠨ ᠭᠤᠷᠪᠠᠳᠤᠭᠠᠷ ᠵᠦᠢᠯ ᠳᠤ ᠲᠤᠬᠳᠠᠭᠠᠬᠰᠠᠨ ᠪᠠᠶᠢᠳᠠᠯ ᠢ ᠭᠠᠷᠭᠠᠪᠠᠯ | ᠂ ᠬᠦᠮᠦᠨ ᠬᠡᠷᠡᠭᠯᠡᠬᠦ ᠨᠢᠭᠡᠴᠡ ᠨᠢ ᠪᠤᠯᠵᠤᠭ᠎ᠠ ᠵᠦᠷᠢᠴᠡᠭᠰᠡᠨ ᠮᠦᠡᠭᠬᠦ ᠶᠢ ᠬᠦᠳᠡᠯᠮᠤᠷᠢᠴᠢᠨ ᠡᠭᠦᠷᠬᠡᠯᠡᠨ᠎ᠡ ᠭᠡᠵᠤ ᠬᠦᠳᠡᠯᠮᠤᠷᠢᠴᠢᠨ ᠲᠠᠢ ᠪᠤᠯᠵᠤᠨ ᠲᠤᠬᠳᠠᠵᠤ ᠪᠤᠯᠬᠤ | ᠦᠭᠡᠢ᠃ | ᠬᠤᠷᠢᠨ ᠵᠢᠷᠭᠤᠳᠤᠭᠠᠷ ᠵᠦᠢᠯ ᠲᠤᠤᠷ᠎ᠠ ᠵᠢᠬᠰᠠᠭᠠᠬᠰᠠᠨ ᠬᠦᠳᠡᠯᠮᠤᠷᠢ ᠶᠢᠨ ᠭᠡᠷ᠎ᠡ ᠬᠦᠴᠦᠨ ᠦᠭᠡᠢ ᠪᠤᠶᠤ ᠨᠢᠭᠡ ᠬᠡᠰᠡᠭ ᠨᠢ ᠬᠦᠴᠦᠨ ᠦᠭᠡᠢ᠄ | ︵ᠨᠢᠭᠡ︶ ᠮᠡᠬᠡᠯᠡᠨ ᠬᠢᠬᠠᠬᠤ᠂ ᠰᠦᠷᠳᠡᠭᠦᠯᠬᠦ ᠠᠷᠭ᠎ᠠ ᠪᠠᠷ ᠪᠤᠶᠤ ᠬᠦᠴᠢᠷᠳᠠᠢ ᠪᠠᠶᠢᠳᠠᠯ ᠢ ᠨᠢ ᠲᠠᠯᠢᠮᠳᠠᠭᠤᠯᠤᠨ ᠨᠦᠭᠦᠭᠡ ᠡᠳᠡᠭᠡᠳ ᠤᠨ ᠢᠶᠠᠨ ᠦᠨᠡᠨ | ᠰᠠᠨᠠᠭ᠎ᠠ ᠠᠴᠠ ᠵᠦᠷᠢᠴᠡᠭᠰᠡᠨ ᠪᠠᠶᠢᠳᠠᠯ ᠲᠤᠤᠷ᠎ᠠ ᠲᠤᠬᠳᠠᠭᠠᠬᠰᠠᠨ ᠪᠤᠶᠤ ᠬᠤᠪᠢᠷᠠᠭᠤᠯᠤᠬᠰᠠᠨ ᠬᠦᠳᠡᠯᠮᠤᠷᠢ ᠶᠢᠨ ᠭᠡᠷ᠎ᠡ︔ | ︵ᠬᠤᠶᠠᠷ︶ ᠬᠦᠮᠦᠨ ᠬᠡᠷᠡᠭᠯᠡᠬᠦ ᠨᠢᠭᠡᠴᠡ ᠨᠢ ᠦᠪᠡᠷ ᠤᠨ ᠬᠠᠤᠯᠢ ᠶᠤᠰᠤᠨ ᠤ ᠬᠠᠷᠢᠭᠤᠴᠠᠯᠭ᠎ᠠ ᠪᠠᠨ ᠬᠡᠯᠳᠦᠷᠢᠭᠦᠯᠵᠤ᠂ ᠬᠦᠳᠡᠯᠮᠤᠷᠢᠴᠢᠨ ᠤ ᠡᠷᠬᠡ ᠶᠢ | ᠬᠠᠰᠤᠬᠰᠠᠨ ᠬᠦᠳᠡᠯᠮᠤᠷᠢ ᠶᠢᠨ ᠭᠡᠷ᠎ᠡ︔ | ︵ᠭᠤᠷᠪᠠ︶ ᠬᠠᠤᠯᠢ ᠴᠠᠭᠠᠵᠠ᠂ ᠵᠠᠰᠠᠬ ᠵᠠᠬᠢᠷᠭᠠᠨ ᠤ ᠬᠠᠤᠯᠢ ᠲᠤᠬᠳᠠᠭᠠᠯ ᠤᠨ ᠠᠯᠪᠠᠳᠠᠯᠭ᠎ᠠ ᠶᠢᠨ ᠴᠢᠨᠠᠷᠳᠠᠢ ᠲᠤᠬᠳᠠᠭᠠᠯ ᠠᠴᠠ ᠵᠦᠷᠢᠴᠡᠭᠰᠡᠨ | ᠬᠦᠳᠡᠯᠮᠤᠷᠢ ᠶᠢᠨ ᠭᠡᠷ᠎ᠡ᠃ | ᠬᠦᠳᠡᠯᠮᠤᠷᠢ ᠶᠢᠨ ᠭᠡᠷ᠎ᠡ ᠬᠦᠴᠦᠨ ᠦᠭᠡᠢ ᠪᠤᠯᠤᠬᠰᠠᠨ ᠪᠤᠶᠤ ᠨᠢᠭᠡ ᠬᠡᠰᠡᠭ ᠨᠢ ᠬᠦᠴᠦᠨ ᠦᠭᠡᠢ ᠪᠤᠯᠤᠬᠰᠠᠨ ᠲᠤᠬᠠᠢ ᠮᠠᠷᠭᠤᠭᠠᠨ ᠲᠠᠢ ᠪᠠᠶᠢᠪᠠᠯ᠂ | ᠬᠦᠳᠡᠯᠮᠤᠷᠢ ᠶᠢᠨ ᠮᠠᠷᠭᠤᠭᠠᠨ ᠢ ᠬᠦᠨᠳᠡᠯᠡᠨ ᠠᠴᠠ ᠲᠠᠰᠤᠯᠬᠤ ᠪᠠᠶᠢᠭᠤᠯᠤᠮᠵᠢ ᠪᠤᠶᠤ ᠠᠷᠠᠳ ᠤᠨ ᠰᠢᠭᠦᠬᠦ ᠬᠤᠷᠢᠶ᠎ᠠ ᠠᠴᠠ ᠮᠠᠭᠠᠳᠯᠠᠨ ᠲᠤᠬᠳᠠᠭᠠᠨ᠎ᠠ᠃ | ᠬᠤᠷᠢᠨ ᠲᠤᠯᠤᠳᠤᠭᠠᠷ ᠵᠦᠢᠯ ᠬᠦᠳᠡᠯᠮᠤᠷᠢ ᠶᠢᠨ ᠭᠡᠷ᠎ᠡ ᠶᠢᠨ ᠨᠢᠭᠡ ᠬᠡᠰᠡᠭ ᠨᠢ ᠬᠦᠴᠦᠨ ᠦᠭᠡᠢ ᠪᠤᠯᠤᠬᠰᠠᠨ ᠪᠤᠯᠪᠠᠴᠤ ᠪᠤᠰᠤᠳ ᠬᠡᠰᠡᠭ ᠤᠨ ᠬᠦᠴᠦᠨ ᠲᠠᠢ | ᠪᠠᠶᠢᠬᠤ ᠶᠢ ᠨᠦᠯᠦᠭᠡᠯᠡᠬᠦ ᠦᠭᠡᠢ ᠪᠠᠶᠢᠪᠠᠯ᠂ ᠪᠤᠰᠤᠳ ᠬᠡᠰᠡᠭ ᠨᠢ ᠮᠦᠨ ᠬᠦ ᠬᠦᠴᠦᠨ ᠲᠠᠢ᠃ | ᠬᠤᠷᠢᠨ ᠨᠠᠢᠮᠠᠳᠤᠭᠠᠷ ᠵᠦᠢᠯ ᠬᠦᠳᠡᠯᠮᠤᠷᠢ ᠶᠢᠨ ᠭᠡᠷ᠎ᠡ ᠨᠢ ᠬᠦᠴᠦᠨ ᠦᠭᠡᠢ ᠭᠡᠵᠤ ᠨᠤᠳᠠᠯᠠᠬᠳᠠᠵᠤ᠂ ᠬᠦᠳᠡᠯᠮᠤᠷᠢᠴᠢᠨ ᠨᠢᠭᠡᠨᠳᠡ ᠬᠦᠳᠡᠯᠮᠤᠷᠢ | ᠵᠠᠷᠤᠴᠠᠭᠤᠯᠤᠬᠰᠠᠨ ᠪᠠᠶᠢᠪᠠᠯ᠂ ᠬᠦᠮᠦᠨ ᠬᠡᠷᠡᠭᠯᠡᠬᠦ ᠨᠢᠭᠡᠴᠡ ᠨᠢ ᠬᠦᠳᠡᠯᠮᠤᠷᠢᠴᠢᠨ ᠳᠤ ᠬᠦᠳᠡᠯᠮᠤᠷᠢ ᠶᠢᠨ ᠤᠯᠭᠤᠮᠵᠢ ᠦᠭᠬᠦ ᠬᠡᠷᠡᠭᠳᠠᠢ᠃ ᠬᠦᠳᠡᠯᠮᠤᠷᠢ ᠶᠢᠨ | ᠤᠯᠭᠤᠮᠵᠢ ᠶᠢᠨ ᠲᠤᠭ᠎ᠠ ᠶᠢ ᠲᠤᠰ ᠨᠢᠭᠡᠴᠡ ᠶᠢᠨ ᠠᠳᠠᠯᠢ ᠪᠤᠶᠤ ᠠᠳᠠᠯᠢᠪᠳᠤᠷ ᠠᠵᠢᠯ ᠤᠨ ᠪᠠᠶᠢᠷᠢ ᠶᠢᠨ ᠬᠦᠳᠡᠯᠮᠤᠷᠢᠴᠢᠨ ᠤ ᠤᠯᠭᠤᠮᠵᠢ ᠪᠠᠷ ᠯᠠᠪᠯᠠᠯᠳᠠ ᠪᠤᠯᠭᠠᠵᠤ | ᠲᠤᠬᠳᠠᠭᠠᠨ᠎ᠠ᠃ | | | ᠭᠤᠷᠪᠠᠳᠤᠭᠠᠷ ᠪᠦᠯᠦᠭ ᠬᠦᠳᠡᠯᠮᠤᠷᠢ ᠶᠢᠨ ᠭᠡᠷ᠎ᠡ ᠶᠢ ᠭᠦᠢᠴᠡᠳᠭᠡᠬᠦ ᠪᠠ ᠬᠤᠪᠢᠷᠠᠭᠤᠯᠬᠤ | | | ᠬᠤᠷᠢ ᠶᠢᠰᠦᠳᠦᠭᠡᠷ ᠵᠦᠢᠯ ᠬᠦᠮᠦᠨ ᠬᠡᠷᠡᠭᠯᠡᠬᠦ ᠨᠢᠭᠡᠴᠡ ᠪᠤᠯᠤᠨ ᠬᠦᠳᠡᠯᠮᠤᠷᠢᠴᠢᠨ ᠬᠦᠳᠡᠯᠮᠤᠷᠢ ᠶᠢᠨ ᠭᠡᠷ᠎ᠡ ᠶᠢᠨ ᠪᠤᠯᠵᠤᠯ ᠶᠤᠰᠤᠭᠠᠷ᠂ ᠦᠪᠡᠷ | ᠦᠪᠡᠷ ᠤᠨ ᠢᠶᠠᠨ ᠡᠭᠦᠷᠭᠡ ᠪᠠᠨ ᠪᠦᠬᠦ ᠲᠠᠯ᠎ᠠ ᠪᠠᠷ ᠭᠦᠢᠴᠡᠳᠭᠡᠬᠦ ᠬᠡᠷᠡᠭᠳᠠᠢ᠃ ᠭᠤᠴᠢᠳᠤᠭᠠᠷ ᠵᠦᠢᠯ ᠬᠦᠮᠦᠨ ᠬᠡᠷᠡᠭᠯᠡᠬᠦ ᠨᠢᠭᠡᠴᠡ ᠨᠢ ᠬᠦᠳᠡᠯᠮᠤᠷᠢ ᠶᠢᠨ | ᠭᠡᠷ᠎ᠡ ᠶᠢᠨ ᠪᠤᠯᠵᠤᠯ ᠪᠠ ᠤᠯᠤᠰ ᠤᠨ ᠲᠤᠬᠳᠠᠭᠠᠯ ᠶᠤᠰᠤᠭᠠᠷ᠂ ᠬᠦᠳᠡᠯᠮᠤᠷᠢ ᠶᠢᠨ ᠤᠯᠭᠤᠮᠵᠢ ᠶᠢ ᠬᠦᠳᠡᠯᠮᠤᠷᠢᠴᠢᠨ ᠳᠤ ᠴᠠᠬ ᠲᠤᠬᠠᠢ ᠳᠤᠨᠢ ᠲᠤᠭ᠎ᠠ ᠶᠤᠰᠤᠭᠠᠷ ᠦᠭᠬᠦ | ᠬᠡᠷᠡᠭᠳᠠᠢ᠃ | ᠬᠦᠮᠦᠨ ᠬᠡᠷᠡᠭᠯᠡᠬᠦ ᠨᠢᠭᠡᠴᠡ ᠨᠢ ᠬᠦᠳᠡᠯᠮᠤᠷᠢ ᠶᠢᠨ ᠤᠯᠭᠤᠮᠵᠢ ᠶᠢ ᠦᠷᠢᠳᠦᠵᠤ ᠤᠳᠠᠭᠠᠰᠢᠷᠠᠭᠤᠯᠤᠬᠰᠠᠨ ᠪᠤᠶᠤ ᠲᠤᠭ᠎ᠠ ᠶᠤᠰᠤᠭᠠᠷ ᠨᠢ ᠦᠭᠭᠦᠭᠰᠡᠨ ᠦᠭᠡᠢ | ᠪᠠᠶᠢᠪᠠᠯ᠂ ᠦᠭᠭᠦᠭᠦᠯᠬᠦ ᠵᠠᠷᠯᠢᠬ ᠭᠠᠷᠭᠠᠯᠭᠠᠬᠤ ᠪᠠᠷ ᠬᠦᠳᠡᠯᠮᠤᠷᠢᠴᠢᠨ ᠬᠠᠤᠯᠢ ᠶᠤᠰᠤᠭᠠᠷ ᠲᠤᠬᠠᠢ ᠶᠢᠨ ᠭᠠᠵᠠᠷ ᠤᠨ ᠠᠷᠠᠳ ᠤᠨ ᠰᠢᠭᠦᠬᠦ ᠬᠤᠷᠢᠶᠠᠨ ᠳᠤ ᠭᠤᠶᠤᠴᠢᠯᠠᠵᠤ | ᠪᠤᠯᠤᠨ᠎ᠠ᠂ ᠠᠷᠠᠳ ᠤᠨ ᠰᠢᠭᠦᠬᠦ ᠬᠤᠷᠢᠶ᠎ᠠ ᠬᠠᠤᠯᠢ ᠶᠤᠰᠤᠭᠠᠷ ᠦᠭᠭᠦᠭᠦᠯᠬᠦ ᠵᠠᠷᠯᠢᠬ ᠭᠠᠷᠭᠠᠬᠤ ᠬᠡᠷᠡᠭᠳᠠᠢ᠃ | ᠭᠤᠴᠢᠨ ᠨᠢᠭᠡᠳᠤᠭᠡᠷ ᠵᠦᠢᠯ ᠬᠦᠮᠦᠨ ᠬᠡᠷᠡᠭᠯᠡᠬᠦ ᠨᠢᠭᠡᠴᠡ ᠬᠦᠳᠡᠯᠮᠤᠷᠢ ᠶᠢᠨ ᠨᠤᠷᠮ᠎ᠠ ᠶᠢᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠬᠦ ᠬᠡᠷᠡᠭᠳᠠᠢ᠂ ᠠᠯᠪᠠᠳᠠᠬᠤ ᠪᠤᠶᠤ | ᠬᠡᠯᠪᠡᠷᠢ ᠶᠢ ᠨᠢ ᠦᠭᠡᠷᠡᠳᠡᠭᠦᠯᠤᠨ ᠠᠯᠪᠠᠳᠠᠵᠤ ᠪᠠᠶᠢᠭᠠᠳ ᠬᠦᠳᠡᠯᠮᠤᠷᠢᠴᠢᠨ ᠢ ᠴᠠᠬ ᠨᠡᠮᠡᠨ ᠠᠵᠢᠯᠯᠠᠭᠤᠯᠵᠤ ᠪᠤᠯᠬᠤ ᠦᠭᠡᠢ᠃ ᠬᠦᠮᠦᠨ ᠬᠡᠷᠡᠭᠯᠡᠬᠦ ᠨᠢᠭᠡᠴᠡ ᠴᠠᠬ ᠨᠡᠮᠡᠵᠤ | ᠠᠵᠢᠯᠯᠠᠭᠤᠯᠬᠤ ᠪᠠᠷ ᠲᠤᠬᠢᠷᠠᠭᠤᠯᠤᠬᠰᠠᠨ ᠪᠠᠶᠢᠪᠠᠯ᠂ ᠤᠯᠤᠰ ᠤᠨ ᠬᠤᠯᠪᠤᠬᠳᠠᠯ ᠪᠦᠬᠦᠢ ᠲᠤᠬᠳᠠᠭᠠᠯ ᠶᠤᠰᠤᠭᠠᠷ ᠬᠦᠳᠡᠯᠮᠤᠷᠢᠴᠢᠨ ᠳᠤ ᠴᠠᠬ ᠨᠡᠮᠡᠵᠤ ᠠᠵᠢᠯᠯᠠᠬᠰᠠᠨ | ᠮᠦᠡᠭᠬᠦ ᠦᠭᠬᠦ ᠬᠡᠷᠡᠭᠳᠠᠢ᠃ | ᠭᠤᠴᠢᠨ ᠬᠤᠶᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠡ ᠶᠢᠨ ᠬᠠᠮᠢᠶᠠᠷᠤᠯᠳᠠ ᠶᠢᠨ ᠠᠵᠢᠯᠳᠡᠨ ᠤ ᠲᠦᠷᠢᠮ ᠲᠤᠬᠳᠠᠭᠠᠯ ᠢ ᠵᠦᠷᠢᠴᠡᠨ ᠵᠢᠯᠤᠭᠤᠳᠬᠤ᠂ ᠠᠶᠤᠯ | ᠲᠦᠭᠰᠢᠭᠦᠷᠢ ᠲᠠᠢ ᠠᠵᠢᠯ ᠢ ᠠᠯᠪᠠᠳᠠᠨ ᠬᠢᠯᠭᠡᠬᠦ ᠶᠢ ᠬᠦᠳᠡᠯᠮᠤᠷᠢᠴᠢᠨ ᠲᠡᠪᠴᠢᠭᠰᠡᠨ ᠪᠠᠶᠢᠪᠠᠯ᠂ ᠬᠦᠳᠡᠯᠮᠤᠷᠢ ᠶᠢᠨ ᠭᠡᠷ᠎ᠡ ᠶᠢ ᠵᠦᠷᠢᠴᠡᠭᠰᠡᠨ ᠳᠤ ᠲᠤᠭᠠᠴᠠᠬᠳᠠᠬᠤ ᠦᠭᠡᠢ᠃ | | ᠬᠦᠳᠡᠯᠮᠤᠷᠢᠴᠢᠨ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠤ ᠳᠤ ᠬᠤᠤᠷ ᠬᠦᠨᠦᠭᠡᠯ ᠲᠠᠢ ᠬᠦᠳᠡᠯᠮᠤᠷᠢ ᠶᠢᠨ ᠨᠦᠬᠦᠴᠡᠯ ᠤᠨ | ᠲᠠᠯ᠎ᠠ ᠪᠠᠷ ᠬᠦᠮᠦᠨ ᠬᠡᠷᠡᠭᠯᠡᠬᠦ ᠨᠢᠭᠡᠴᠡ ᠶᠢ ᠰᠢᠭᠦᠮᠵᠢᠯᠡᠬᠦ᠂ ᠢᠯᠡᠴᠢᠯᠡᠬᠦ ᠪᠠ ᠵᠠᠭᠠᠯᠳᠤᠬᠤ ᠡᠷᠬᠡ ᠲᠠᠢ᠃ | ᠭᠤᠴᠢᠨ ᠭᠤᠷᠪᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠡ ᠶᠢᠨ ᠨᠡᠷᠡᠶᠢᠳᠤᠯ᠂ ᠬᠠᠤᠯᠢ ᠪᠠᠷ ᠲᠤᠬᠳᠠᠭᠠᠬᠰᠠᠨ ᠲᠦᠯᠦᠭᠡᠯᠡᠭᠴᠢ᠂ ᠭᠤᠤᠯ ᠬᠠᠷᠢᠭᠤᠴᠠᠯᠭᠠᠳᠠᠨ | ᠪᠤᠶᠤ ᠪᠡᠯᠡ ᠤᠷᠤᠭᠤᠯᠤᠬᠴᠢ ᠵᠡᠷᠭᠡ ᠪᠠᠨ ᠬᠤᠪᠢᠷᠠᠭᠤᠯᠬᠤ ᠤᠴᠢᠷ ᠶᠠᠪᠤᠳᠠᠯ ᠨᠢ ᠬᠦᠳᠡᠯᠮᠤᠷᠢ ᠶᠢᠨ ᠭᠡᠷ᠎ᠡ ᠶᠢ ᠭᠦᠢᠴᠡᠳᠭᠡᠬᠦ ᠶᠢ ᠨᠦᠯᠦᠭᠡᠯᠡᠬᠦ ᠦᠭᠡᠢ᠃ | ᠭᠤᠴᠢᠨ ᠲᠦᠷᠪᠡᠳᠤᠭᠡᠷ ᠵᠦᠢᠯ ᠬᠦᠮᠦᠨ ᠬᠡᠷᠡᠭᠯᠡᠬᠦ ᠨᠢᠭᠡᠴᠡ ᠳᠤ ᠨᠡᠶᠢᠯᠡᠭᠦᠯᠬᠦ ᠪᠤᠶᠤ ᠰᠠᠯᠭᠠᠬᠤ ᠵᠡᠷᠭᠡ ᠪᠠᠶᠢᠳᠠᠯ ᠭᠠᠷᠬᠤ ᠳᠤ ᠤᠤᠯ ᠤᠨ ᠬᠦᠳᠡᠯᠮᠤᠷᠢ ᠶᠢᠨ ᠭᠡᠷ᠎ᠡ | ᠦᠷᠬᠦᠯᠵᠢᠯᠡᠨ ᠬᠦᠴᠦᠨ ᠲᠠᠢ ᠪᠠᠶᠢᠵᠤ᠂ ᠲᠡᠭᠦᠨ ᠤ ᠡᠷᠬᠡ ᠪᠠ ᠡᠭᠦᠷᠭᠡ ᠶᠢ ᠵᠠᠯᠭᠠᠮᠵᠢᠯᠠᠬᠰᠠᠨ ᠬᠦᠮᠦᠨ ᠬᠡᠷᠡᠭᠯᠡᠬᠦ ᠨᠢᠭᠡᠴᠡ ᠨᠢ ᠬᠦᠳᠡᠯᠮᠤᠷᠢ ᠶᠢᠨ ᠭᠡᠷ᠎ᠡ ᠶᠢ ᠦᠷᠬᠦᠯᠵᠢᠯᠡᠨ | ᠭᠦᠢᠴᠡᠳᠭᠡᠨ᠎ᠡ᠃ | ᠭᠤᠴᠢᠨ ᠲᠠᠪᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠡ ᠬᠢᠭᠡᠳ ᠬᠦᠳᠡᠯᠮᠤᠷᠢᠴᠢᠨ ᠵᠦᠪᠳᠡᠯᠴᠡᠵᠤ ᠰᠠᠨᠠᠯ ᠨᠢᠭᠡᠳᠪᠡᠯ᠂ ᠬᠦᠳᠡᠯᠮᠤᠷᠢ ᠶᠢᠨ ᠭᠡᠷ᠎ᠡ ᠳᠤ ᠪᠤᠯᠵᠤᠨ | ᠲᠤᠬᠳᠠᠬᠰᠠᠨ ᠠᠭᠤᠯᠭ᠎ᠠ ᠶᠢ ᠬᠤᠪᠢᠷᠠᠭᠤᠯᠵᠤ ᠪᠤᠯᠤᠨ᠎ᠠ᠃ ᠬᠦᠳᠡᠯᠮᠤᠷᠢ ᠶᠢᠨ ᠭᠡᠷ᠎ᠡ ᠶᠢ ᠬᠤᠪᠢᠷᠠᠭᠤᠯᠬᠤ ᠳᠤ ᠪᠢᠴᠢᠭ ᠤᠨ ᠬᠡᠯᠪᠡᠷᠢ ᠶᠢ ᠬᠡᠷᠡᠭᠯᠡᠬᠦ ᠬᠡᠷᠡᠭᠳᠠᠢ᠃ | ᠬᠤᠪᠢᠷᠠᠭᠤᠯᠤᠬᠰᠠᠨ ᠤ ᠲᠠᠷᠠᠭᠠᠬᠢ ᠬᠦᠳᠡᠯᠮᠤᠷᠢ ᠶᠢᠨ ᠭᠡᠷ᠎ᠡ ᠶᠢᠨ ᠪᠢᠴᠢᠭ ᠢ ᠬᠦᠮᠦᠨ ᠬᠡᠷᠡᠭᠯᠡᠬᠦ ᠨᠢᠭᠡᠴᠡ ᠪᠠ ᠬᠦᠳᠡᠯᠮᠤᠷᠢᠴᠢᠨ ᠲᠤᠰ ᠪᠦᠷᠢ ᠨᠢᠭᠡ ᠬᠤᠪᠢ | ᠦᠯᠡᠳᠡᠭᠡᠨ᠎ᠡ᠃ | | | ᠲᠦᠷᠪᠡᠳᠦᠭᠡᠷ ᠪᠦᠯᠦᠭ ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠤ ᠪᠠ ᠲᠠᠭᠤᠰᠬᠠᠬᠤ | | | ᠭᠤᠴᠢᠨ ᠵᠢᠷᠭᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠡ ᠬᠢᠭᠡᠳ ᠬᠦᠳᠡᠯᠮᠤᠷᠢᠴᠢᠨ ᠵᠦᠪᠳᠡᠯᠴᠡᠵᠤ ᠰᠠᠨᠠᠯ ᠨᠢᠭᠡᠳᠪᠡᠯ᠂ ᠬᠦᠳᠡᠯᠮᠤᠷᠢ ᠶᠢᠨ ᠭᠡᠷ᠎ᠡ ᠶᠢ | ᠬᠦᠴᠦᠨ ᠦᠭᠡᠢ ᠪᠤᠯᠭᠠᠵᠤ ᠪᠤᠯᠤᠨ᠎ᠠ᠃ | ᠭᠤᠴᠢᠨ ᠲᠤᠯᠤᠳᠤᠭᠠᠷ ᠵᠦᠢᠯ ᠬᠦᠳᠡᠯᠮᠤᠷᠢᠴᠢᠨ ᠭᠤᠴᠢᠨ ᠡᠳᠦᠷ ᠤᠨ ᠡᠮᠦᠨ᠎ᠡ ᠬᠦᠮᠦᠨ ᠬᠡᠷᠡᠭᠯᠡᠬᠦ ᠨᠢᠭᠡᠴᠡ ᠳᠤ ᠪᠢᠴᠢᠭ ᠤᠨ ᠬᠡᠯᠪᠡᠷᠢ ᠪᠠᠷ ᠮᠡᠳᠡᠭᠳᠡᠵᠤ᠂ | ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠵᠤ ᠪᠤᠯᠤᠨ᠎ᠠ᠃ ᠬᠦᠳᠡᠯᠮᠤᠷᠢᠴᠢᠨ ᠲᠤᠷᠰᠢᠨ ᠬᠡᠷᠡᠭᠯᠡᠬᠦ ᠬᠤᠭᠤᠴᠠᠭᠠᠨ ᠳᠤ ᠭᠤᠷᠪᠠᠨ ᠡᠳᠦᠷ ᠤᠨ ᠡᠮᠦᠨ᠎ᠡ ᠬᠦᠮᠦᠨ | ᠬᠡᠷᠡᠭᠯᠡᠬᠦ ᠨᠢᠭᠡᠴᠡ ᠳᠤ ᠮᠡᠳᠡᠭᠳᠡᠵᠤ᠂ ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠵᠤ ᠪᠤᠯᠤᠨ᠎ᠠ᠃ | ᠭᠤᠴᠢᠨ ᠨᠠᠢᠮᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠡ ᠳᠤ ᠲᠤᠤᠷ᠎ᠠ ᠵᠢᠬᠰᠠᠭᠠᠬᠰᠠᠨ ᠪᠠᠶᠢᠳᠠᠯ ᠤᠳ ᠤᠨ ᠨᠢᠭᠡ ᠨᠢ ᠪᠠᠶᠢᠪᠠᠯ ᠬᠦᠳᠡᠯᠮᠤᠷᠢᠴᠢᠨ | ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠵᠤ ᠪᠤᠯᠤᠨ᠎ᠠ᠄ | ︵ᠨᠢᠭᠡ︶ ᠬᠦᠳᠡᠯᠮᠤᠷᠢ ᠶᠢᠨ ᠭᠡᠷ᠎ᠡ ᠶᠢᠨ ᠪᠤᠯᠵᠤᠯ ᠶᠤᠰᠤᠭᠠᠷ ᠬᠦᠳᠡᠯᠮᠤᠷᠢ ᠶᠢᠨ ᠬᠠᠮᠠᠭᠠᠯᠠᠯᠳᠠ ᠪᠤᠶᠤ ᠬᠦᠳᠡᠯᠮᠤᠷᠢ ᠶᠢᠨ ᠨᠦᠬᠦᠴᠡᠯ ᠢ ᠦᠯᠦ ᠬᠠᠩᠭᠠᠬᠰᠠᠨ︔ | ︵ᠬᠤᠶᠠᠷ︶ ᠬᠦᠳᠡᠯᠮᠤᠷᠢ ᠶᠢᠨ ᠤᠯᠭᠤᠮᠵᠢ ᠶᠢ ᠴᠠᠬ ᠲᠤᠬᠠᠢ ᠳᠤᠨᠢ ᠲᠤᠭ᠎ᠠ ᠶᠤᠰᠤᠭᠠᠷ ᠦᠯᠦ ᠦᠭᠭᠦᠭᠰᠡᠨ︔ | ︵ᠭᠤᠷᠪᠠ︶ ᠬᠠᠤᠯᠢ ᠶᠤᠰᠤᠭᠠᠷ ᠬᠦᠳᠡᠯᠮᠤᠷᠢᠴᠢᠨ ᠳᠤ ᠨᠡᠶᠢᠭᠡᠮ ᠤᠨ ᠲᠠᠭᠠᠳᠬᠠᠯ ᠤᠨ ᠰᠦᠢᠳᠭᠡᠯ ᠢ ᠦᠯᠦ ᠲᠤᠰᠢᠶᠠᠬᠰᠠᠨ︔ | ︵ᠲᠦᠷᠪᠡ︶ ᠬᠦᠮᠦᠨ ᠬᠡᠷᠡᠭᠯᠡᠬᠦ ᠨᠢᠭᠡᠴᠡ ᠶᠢᠨ ᠲᠦᠷᠢᠮ ᠲᠤᠬᠳᠠᠭᠠᠯ ᠨᠢ ᠬᠠᠤᠯᠢ ᠴᠠᠭᠠᠵᠠ᠂ ᠬᠠᠤᠯᠢ ᠲᠤᠬᠳᠠᠭᠠᠯ ᠤᠨ ᠲᠤᠬᠳᠠᠭᠠᠯ ᠠᠴᠠ ᠵᠦᠷᠢᠴᠡᠵᠤ᠂ | ᠬᠦᠳᠡᠯᠮᠤᠷᠢᠴᠢᠨ ᠤ ᠡᠷᠬᠡ ᠠᠰᠢᠬ ᠢ ᠬᠤᠬᠢᠷᠠᠭᠤᠯᠤᠬᠰᠠᠨ︔ | ︵ᠲᠠᠪᠤ︶ ᠲᠤᠰ ᠬᠠᠤᠯᠢ ᠶᠢᠨ ᠬᠤᠷᠢᠨ ᠵᠢᠷᠭᠤᠳᠤᠭᠠᠷ ᠵᠦᠢᠯ ᠤᠨ ᠨᠢᠭᠡᠳᠤᠭᠡᠷ ᠪᠠᠳᠠᠬ ᠲᠤ ᠲᠤᠬᠳᠠᠭᠠᠬᠰᠠᠨ ᠪᠠᠶᠢᠳᠠᠯ ᠠᠴᠠ ᠪᠤᠯᠵᠤ ᠬᠦᠳᠡᠯᠮᠤᠷᠢ ᠶᠢᠨ ᠭᠡᠷ᠎ᠡ ᠶᠢ | ᠬᠦᠴᠦᠨ ᠦᠭᠡᠢ ᠪᠤᠯᠭᠠᠬᠰᠠᠨ︔ | ︵ᠵᠢᠷᠭᠤᠭ᠎ᠠ︶ ᠬᠠᠤᠯᠢ ᠴᠠᠭᠠᠵᠠ᠂ ᠵᠠᠰᠠᠬ ᠵᠠᠬᠢᠷᠭᠠᠨ ᠤ ᠬᠠᠤᠯᠢ ᠲᠤᠬᠳᠠᠭᠠᠯ ᠳᠤ ᠲᠤᠬᠳᠠᠬᠰᠠᠨ ᠬᠦᠳᠡᠯᠮᠤᠷᠢᠴᠢᠨ ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ | ᠪᠤᠯᠭᠠᠵᠤ ᠪᠤᠯᠬᠤ ᠪᠤᠰᠤᠳ ᠪᠠᠶᠢᠳᠠᠯ ᠤᠳ᠃ | ᠬᠦᠮᠦᠨ ᠬᠡᠷᠡᠭᠯᠡᠬᠦ ᠨᠢᠭᠡᠴᠡ ᠬᠦᠴᠦᠷᠬᠡᠭᠯᠡᠬᠦ᠂ ᠰᠦᠷᠳᠡᠭᠦᠯᠬᠦ ᠪᠤᠶᠤ ᠬᠦᠮᠦᠨ ᠤ ᠪᠡᠶ᠎ᠡ ᠶᠢᠨ ᠡᠷᠬᠡ ᠴᠢᠯᠦᠭᠡ ᠶᠢ ᠬᠠᠤᠯᠢ ᠪᠤᠰᠤ ᠪᠠᠷ ᠬᠢᠵᠠᠭᠠᠷᠯᠠᠬᠤ ᠠᠷᠭ᠎ᠠ ᠪᠠᠷ | ᠬᠦᠳᠡᠯᠮᠤᠷᠢᠴᠢᠨ ᠢ ᠠᠯᠪᠠᠳᠠᠨ ᠬᠦᠳᠡᠯᠮᠤᠷᠢᠯᠡᠭᠦᠯᠦᠭᠰᠡᠨ᠂ ᠡᠰᠡᠭᠦᠯ᠎ᠡ ᠬᠦᠮᠦᠨ ᠬᠡᠷᠡᠭᠯᠡᠬᠦ ᠨᠢᠭᠡᠴᠡ ᠨᠢ ᠲᠦᠷᠢᠮ ᠲᠤᠬᠳᠠᠭᠠᠯ ᠢ ᠵᠦᠷᠢᠴᠡᠨ ᠵᠢᠯᠤᠭᠤᠳᠤᠬᠰᠠᠨ᠂ ᠠᠶᠤᠯ | ᠲᠦᠭᠰᠢᠭᠦᠷᠢᠳᠠᠢ ᠠᠵᠢᠯ ᠢ ᠠᠯᠪᠠᠳᠠᠨ ᠬᠢᠯᠭᠡᠭᠡᠳ ᠬᠦᠳᠡᠯᠮᠤᠷᠢᠴᠢᠨ ᠤ ᠬᠦᠮᠦᠨ ᠤ ᠪᠡᠶ᠎ᠡ ᠶᠢᠨ ᠠᠮᠤᠷ ᠲᠦᠪᠰᠢᠨ ᠳᠤ ᠬᠤᠤᠷ ᠬᠦᠨᠦᠭᠡᠯ ᠤᠴᠠᠷᠠᠭᠤᠯᠤᠬᠰᠠᠨ ᠪᠠᠶᠢᠪᠠᠯ᠂ | ᠬᠦᠳᠡᠯᠮᠤᠷᠢᠴᠢᠨ ᠲᠠᠷᠤᠢ ᠳᠤᠨᠢ ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠵᠤ ᠪᠤᠯᠤᠨ᠎ᠠ᠂ ᠬᠦᠮᠦᠨ ᠬᠡᠷᠡᠭᠯᠡᠬᠦ ᠨᠢᠭᠡᠴᠡ ᠳᠤ ᠤᠷᠢᠳᠠᠪᠡᠷ ᠮᠡᠳᠡᠭᠳᠡᠬᠦ ᠴᠢᠬᠤᠯᠠ | ᠦᠭᠡᠢ᠃ | ᠭᠤᠴᠢ ᠶᠢᠰᠦᠳᠦᠭᠡᠷ ᠵᠦᠢᠯ ᠬᠦᠳᠡᠯᠮᠤᠷᠢᠴᠢᠨ ᠳᠤ ᠲᠤᠤᠷ᠎ᠠ ᠵᠢᠬᠰᠠᠭᠠᠬᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠬᠦᠮᠦᠨ ᠬᠡᠷᠡᠭᠯᠡᠬᠦ ᠨᠢᠭᠡᠴᠡ | ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠵᠤ ᠪᠤᠯᠤᠨ᠎ᠠ᠄ | ︵ᠨᠢᠭᠡ︶ ᠡᠯᠰᠡᠵᠤ ᠬᠡᠷᠡᠭᠯᠡᠬᠦ ᠨᠦᠬᠦᠴᠡᠯ ᠳᠤ ᠨᠡᠶᠢᠴᠡᠬᠦ ᠦᠭᠡᠢ ᠭᠡᠳᠡᠭ ᠨᠢ ᠲᠤᠷᠰᠢᠨ ᠬᠡᠷᠡᠭᠯᠡᠬᠦ ᠬᠤᠭᠤᠴᠠᠭᠠᠨ ᠳᠤ ᠭᠡᠷᠡᠴᠢᠯᠡᠭᠳᠡᠭᠰᠡᠨ︔ | ︵ᠬᠤᠶᠠᠷ︶ ᠬᠦᠮᠦᠨ ᠬᠡᠷᠡᠭᠯᠡᠬᠦ ᠨᠢᠭᠡᠴᠡ ᠶᠢᠨ ᠲᠦᠷᠢᠮ ᠲᠤᠬᠳᠠᠭᠠᠯ ᠢ ᠬᠦᠨᠳᠤ ᠨᠤᠴᠢᠳᠠᠢ ᠵᠦᠷᠢᠴᠡᠭᠰᠡᠨ︔ | ︵ᠭᠤᠷᠪᠠ︶ ᠡᠭᠦᠷᠭᠡ ᠬᠠᠷᠢᠭᠤᠴᠠᠯᠭ᠎ᠠ ᠳᠠᠭᠠᠨ ᠬᠦᠨᠳᠤ ᠨᠤᠴᠢᠳᠠᠢ ᠤᠰᠤᠯᠳᠠᠵᠤ᠂ ᠬᠤᠪᠢ ᠶᠢᠨ ᠨᠠᠶᠢᠷ ᠬᠠᠷᠠᠵᠤ ᠭᠡᠮ ᠬᠢᠭᠡᠳ ᠬᠦᠮᠦᠨ ᠬᠡᠷᠡᠭᠯᠡᠬᠦ ᠨᠢᠭᠡᠴᠡ ᠳᠤ | ᠬᠦᠨᠳᠤ ᠶᠡᠭᠡ ᠬᠤᠬᠢᠷᠠᠯ ᠤᠴᠠᠷᠠᠭᠤᠯᠤᠬᠰᠠᠨ︔ | ︵ᠲᠦᠷᠪᠡ︶ ᠬᠦᠳᠡᠯᠮᠤᠷᠢᠴᠢᠨ ᠪᠤᠰᠤᠳ ᠬᠦᠮᠦᠨ ᠬᠡᠷᠡᠭᠯᠡᠬᠦ ᠨᠢᠭᠡᠴᠡ ᠲᠠᠢ ᠵᠡᠷᠭᠡᠪᠡᠷ ᠬᠦᠳᠡᠯᠮᠤᠷᠢ ᠶᠢᠨ ᠬᠠᠷᠢᠴᠠᠭ᠎ᠠ ᠪᠠᠶᠢᠭᠤᠯᠵᠤ᠂ ᠲᠤᠰ ᠨᠢᠭᠡᠴᠡ ᠶᠢᠨ | ᠠᠵᠢᠯ ᠤᠨ ᠡᠭᠦᠷᠭᠡ ᠶᠢ ᠪᠡᠶᠡᠯᠡᠭᠦᠯᠬᠦ ᠳᠤ ᠬᠦᠨᠳᠤ ᠨᠤᠴᠢᠳᠠᠢ ᠨᠦᠯᠦᠭᠡ ᠦᠵᠡᠭᠦᠯᠦᠭᠰᠡᠨ᠂ ᠡᠰᠡᠭᠦᠯ᠎ᠡ ᠬᠦᠮᠦᠨ ᠬᠡᠷᠡᠭᠯᠡᠬᠦ ᠨᠢᠭᠡᠴᠡ ᠠᠴᠠ ᠲᠤᠷᠠᠳᠤᠬᠰᠠᠨ ᠪᠠᠶᠢᠳᠠᠯ᠎ᠠ | ᠵᠠᠯᠠᠷᠠᠭᠤᠯᠬᠤ ᠶᠢ ᠲᠡᠪᠴᠢᠭᠰᠡᠨ︔ | ︵ᠲᠠᠪᠤ︶ ᠲᠤᠰ ᠬᠠᠤᠯᠢ ᠶᠢᠨ ᠬᠤᠷᠢᠨ ᠵᠢᠷᠭᠤᠳᠤᠭᠠᠷ ᠵᠦᠢᠯ ᠤᠨ ᠨᠢᠭᠡᠳᠤᠭᠡᠷ ᠪᠠᠳᠠᠬ ᠤᠨ ᠨᠢᠭᠡᠳᠤᠭᠡᠷ ᠵᠤᠷᠪᠤᠰ ᠲᠤ ᠲᠤᠬᠳᠠᠭᠠᠬᠰᠠᠨ ᠪᠠᠶᠢᠳᠠᠯ ᠠᠴᠠ ᠪᠤᠯᠤᠭᠠᠳ | ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠰᠠᠨ︔ ︵ᠵᠢᠷᠭᠤᠭ᠎ᠠ︶ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠭᠳᠡᠭᠰᠡᠨ᠃ | ᠳᠥᠴᠢᠳᠦᠭᠡᠷ ᠵᠦᠢᠯ ᠲᠤᠤᠷ᠎ᠠ ᠵᠢᠬᠰᠠᠭᠠᠬᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠬᠦᠮᠦᠨ ᠬᠡᠷᠡᠭᠯᠡᠬᠦ ᠨᠢᠭᠡᠴᠡ ᠨᠢ ᠭᠤᠴᠢᠨ ᠡᠳᠦᠷ ᠤᠨ ᠡᠮᠦᠨ᠎ᠡ | ᠬᠦᠳᠡᠯᠮᠤᠷᠢᠴᠢᠨ ᠲᠤᠰ ᠬᠦᠮᠦᠨ ᠳᠤ ᠪᠢᠴᠢᠭ ᠤᠨ ᠬᠡᠯᠪᠡᠷᠢ ᠪᠠᠷ ᠮᠡᠳᠡᠭᠳᠡᠬᠦ ᠪᠤᠶᠤ ᠬᠦᠳᠡᠯᠮᠤᠷᠢᠴᠢᠨ ᠳᠤ ᠢᠯᠡᠭᠦᠦ ᠨᠢᠭᠡ ᠰᠠᠷ᠎ᠠ ᠶᠢᠨ ᠴᠠᠯᠢᠩ ᠦᠭᠭᠦᠭᠰᠡᠨ ᠤ ᠲᠠᠷᠠᠭ᠎ᠠ | ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠵᠤ ᠪᠤᠯᠤᠨ᠎ᠠ᠄ | ︵ᠨᠢᠭᠡ︶ ᠬᠦᠳᠡᠯᠮᠤᠷᠢᠴᠢᠨ ᠡᠪᠡᠳᠴᠢᠯᠡᠭᠰᠡᠨ ᠪᠤᠶᠤ ᠠᠵᠢᠯ ᠤᠨ ᠪᠤᠰᠤ ᠰᠢᠯᠳᠠᠭᠠᠨ ᠢᠶᠠᠷ ᠰᠢᠷᠬᠠᠳᠤᠭᠠᠳ ᠲᠤᠬᠳᠠᠬᠰᠠᠨ ᠡᠮᠴᠢᠯᠡᠭᠦᠯᠬᠦ ᠬᠤᠭᠤᠴᠠᠭ᠎ᠠ ᠨᠢ | ᠲᠦᠭᠦᠷᠦᠭᠰᠡᠨ ᠤ ᠲᠠᠷᠠᠭ᠎ᠠ ᠤᠤᠯ ᠤᠨ ᠠᠵᠢᠯ ᠢᠶᠠᠨ ᠬᠢᠵᠤ ᠴᠢᠳᠠᠬᠤ ᠦᠭᠡᠢ ᠪᠤᠯᠤᠬᠰᠠᠨ ᠪᠦᠭᠡᠳ ᠬᠦᠮᠦᠨ ᠬᠡᠷᠡᠭᠯᠡᠬᠦ ᠨᠢᠭᠡᠴᠡ ᠠᠴᠠ ᠠᠰᠳᠠᠭᠠᠨ ᠲᠤᠬᠢᠷᠠᠭᠤᠯᠤᠬᠰᠠᠨ | ᠠᠵᠢᠯ ᠢ ᠴᠤ ᠬᠢᠵᠤ ᠴᠢᠳᠠᠬᠤ ᠦᠭᠡᠢ ᠪᠤᠯᠤᠬᠰᠠᠨ︔ | ︵ᠬᠤᠶᠠᠷ︶ ᠬᠦᠳᠡᠯᠮᠤᠷᠢᠴᠢᠨ ᠠᠵᠢᠯ ᠢᠶᠠᠨ ᠬᠢᠵᠤ ᠲᠡᠶᠢᠯᠬᠦ ᠦᠭᠡᠢ᠂ ᠪᠤᠯᠪᠠᠰᠤᠷᠠᠭᠤᠯᠤᠬᠰᠠᠨ ᠪᠤᠶᠤ ᠠᠵᠢᠯ ᠤᠨ ᠪᠠᠶᠢᠷᠢ ᠳᠤᠨᠢ ᠲᠤᠬᠢᠷᠠᠭᠤᠯᠤᠯᠳᠠ ᠬᠢᠭᠰᠡᠨ | ᠪᠤᠯᠪᠠᠴᠤ ᠮᠦᠨ ᠯᠡ ᠠᠵᠢᠯ ᠢᠶᠠᠨ ᠬᠢᠵᠤ ᠲᠡᠶᠢᠯᠬᠦ ᠦᠭᠡᠢ︔ | ︵ᠭᠤᠷᠪᠠ︶ ᠬᠦᠳᠡᠯᠮᠤᠷᠢ ᠶᠢᠨ ᠭᠡᠷ᠎ᠡ ᠶᠢ ᠲᠤᠬᠳᠠᠬᠤ ᠦᠶ᠎ᠡ ᠳᠤ ᠦᠨᠳᠦᠰᠦᠯᠡᠯ ᠪᠤᠯᠭᠠᠬᠰᠠᠨ ᠪᠤᠰᠤᠳᠴᠢ ᠪᠠᠶᠢᠳᠠᠯ ᠳᠤ ᠴᠢᠬᠤᠯᠠ ᠶᠡᠭᠡ ᠬᠤᠪᠢᠷᠠᠯᠳᠠ | ᠭᠠᠷᠤᠭᠠᠳ ᠬᠦᠳᠡᠯᠮᠤᠷᠢ ᠶᠢᠨ ᠭᠡᠷ᠎ᠡ ᠶᠢ ᠬᠡᠷᠡᠭᠵᠢᠭᠦᠯᠬᠦ ᠶᠢᠨ ᠠᠷᠭ᠎ᠠ ᠦᠭᠡᠢ ᠪᠤᠯᠵᠤ᠂ ᠬᠦᠮᠦᠨ ᠬᠡᠷᠡᠭᠯᠡᠬᠦ ᠨᠢᠭᠡᠴᠡ ᠬᠢᠭᠡᠳ ᠬᠦᠳᠡᠯᠮᠤᠷᠢᠴᠢᠨ ᠵᠦᠪᠳᠡᠯᠴᠡᠭᠡᠳ | ᠬᠦᠳᠡᠯᠮᠤᠷᠢ ᠶᠢᠨ ᠭᠡᠷ᠎ᠡ ᠶᠢᠨ ᠠᠭᠤᠯᠭ᠎ᠠ ᠶᠢ ᠬᠤᠪᠢᠷᠠᠭᠤᠯᠬᠤ ᠲᠤᠬᠠᠢ ᠬᠡᠯᠡᠯᠴᠡᠭᠡᠷ ᠬᠢᠭᠡᠳ ᠲᠤᠬᠢᠷᠠᠯᠴᠠᠵᠤ ᠴᠢᠳᠠᠬᠰᠠᠨ ᠦᠭᠡᠢ᠃ | ᠲᠦᠴᠢᠨ ᠨᠢᠭᠡᠳᠤᠭᠡᠷ ᠵᠦᠢᠯ ᠲᠤᠤᠷ᠎ᠠ ᠵᠢᠬᠰᠠᠭᠠᠬᠰᠠᠨ ᠪᠠᠶᠢᠳᠠᠯ ᠤᠳ ᠤᠨ ᠨᠢᠭᠡ ᠨᠢ ᠪᠠᠶᠢᠵᠤ᠂ ᠬᠤᠷᠢᠨ ᠬᠦᠮᠦᠨ ᠠᠴᠠ ᠲᠡᠭᠡᠭᠰᠢ ᠬᠠᠰᠤᠬᠤ ᠪᠤᠶᠤ ᠬᠤᠷᠢᠨ | ᠬᠦᠮᠦᠨ ᠠᠴᠠ ᠲᠤᠭᠤᠬᠰᠢ ᠬᠠᠰᠤᠬᠤ ᠴᠢᠬᠤᠯᠠᠳᠠᠢ ᠪᠤᠯᠤᠬᠰᠠᠨ ᠪᠤᠯᠪᠠᠴᠤ ᠲᠡᠷᠡ ᠨᠢ ᠠᠵᠤ ᠠᠬᠤᠢᠢᠯᠠᠯ ᠤᠨ ᠠᠵᠢᠯᠳᠡᠨ ᠠᠵᠢᠯᠴᠢᠨ ᠤ ᠪᠦᠬᠦ ᠲᠤᠭᠠᠨ ᠤ ᠵᠠᠭᠤᠨ ᠤ | ᠠᠷᠪᠠ ᠠᠴᠠ ᠲᠡᠭᠡᠭᠰᠢᠬᠢ ᠶᠢ ᠡᠵᠡᠯᠡᠵᠤ ᠪᠠᠶᠢᠪᠠᠯ᠂ ᠬᠦᠮᠦᠨ ᠬᠡᠷᠡᠭᠯᠡᠬᠦ ᠨᠢᠭᠡᠴᠡ ᠨᠢ ᠭᠤᠴᠢᠨ ᠡᠳᠦᠷ ᠤᠨ ᠡᠮᠦᠨ᠎ᠡ ᠠᠵᠢᠯᠴᠢᠨ ᠤ ᠡᠪᠯᠡᠯ ᠪᠤᠶᠤ ᠪᠦᠬᠦ ᠠᠵᠢᠯᠳᠡᠨ | ᠠᠵᠢᠯᠴᠢᠨ ᠳᠤ ᠪᠠᠶᠢᠳᠠᠯ ᠢᠶᠠᠨ ᠲᠤᠳᠤᠷᠬᠠᠢᠢᠯᠠᠨ ᠦᠭᠴᠤ᠂ ᠠᠵᠢᠯᠴᠢᠨ ᠤ ᠡᠪᠯᠠᠯ ᠪᠤᠶᠤ ᠠᠵᠢᠯᠳᠡᠨ ᠠᠵᠢᠯᠴᠢᠨ ᠤ ᠰᠠᠨᠠᠯ ᠢ ᠰᠤᠨᠤᠰᠴᠤ᠂ ᠬᠦᠮᠦᠨ ᠬᠠᠰᠤᠬᠤ | ᠲᠦᠰᠦᠯ ᠢᠶᠠᠨ ᠬᠦᠳᠡᠯᠮᠤᠷᠢ ᠶᠢᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠲᠤ ᠮᠡᠳᠡᠭᠦᠯᠦᠭᠰᠡᠨ ᠤ ᠲᠠᠷᠠᠭ᠎ᠠ ᠬᠦᠮᠦᠨ ᠬᠠᠰᠤᠵᠤ ᠪᠤᠯᠤᠨ᠎ᠠ᠄ | ︵ᠨᠢᠭᠡ︶ ᠠᠵᠤ ᠠᠬᠤᠢᠢᠯᠠᠯ ᠤᠨ ᠲᠠᠮᠫᠤᠷᠠᠯ ᠤᠨ ᠬᠠᠤᠯᠢ ᠶᠢᠨ ᠲᠤᠬᠳᠠᠭᠠᠯ ᠶᠤᠰᠤᠭᠠᠷ ᠲᠠᠬᠢᠨ ᠴᠡᠭᠴᠡᠯᠡᠯᠳᠡ ᠬᠢᠭᠰᠡᠨ︔ | ︵ᠬᠤᠶᠠᠷ︶ ᠦᠢᠯᠡᠳᠪᠤᠷᠢᠯᠡᠯ ᠡᠵᠡᠩᠨᠡᠯᠳᠡ ᠶᠢᠨ ᠪᠠᠶᠢᠳᠠᠯ ᠳᠤ ᠬᠦᠨᠳᠤ ᠨᠤᠴᠢᠳᠠᠢ ᠬᠦᠴᠢᠷᠳᠡᠯ ᠲᠤᠯᠭᠠᠷᠠᠬᠰᠠᠨ︔ | ︵ᠭᠤᠷᠪᠠ︶ ᠠᠵᠤ ᠠᠬᠤᠢᠢᠯᠠᠯ ᠦᠢᠯᠡᠳᠪᠤᠷᠢᠯᠡᠯ ᠢᠶᠠᠨ ᠬᠤᠪᠢᠷᠠᠭᠤᠯᠵᠤ᠂ ᠴᠢᠬᠤᠯᠠ ᠶᠡᠭᠡ ᠮᠡᠷᠭᠡᠵᠢᠯ ᠤᠨ ᠰᠢᠨᠡᠴᠢᠯᠡᠯᠳᠡ ᠬᠢᠬᠦ ᠪᠤᠶᠤ ᠡᠵᠡᠩᠨᠡᠯᠳᠡ ᠶᠢᠨ ᠠᠷᠭ᠎ᠠ | ᠮᠠᠶ᠋ᠢᠬ ᠢᠶᠠᠨ ᠬᠤᠪᠢᠷᠠᠭᠤᠯᠵᠤ᠂ ᠬᠦᠳᠡᠯᠮᠤᠷᠢ ᠶᠢᠨ ᠭᠡᠷ᠎ᠡ ᠶᠢ ᠬᠤᠪᠢᠷᠠᠭᠤᠯᠤᠬᠰᠠᠨ ᠤ ᠲᠠᠷᠠᠭ᠎ᠠ᠂ ᠮᠦᠨ ᠬᠦᠮᠦᠨ ᠬᠠᠰᠤᠬᠤ ᠴᠢᠬᠤᠯᠠ ᠲᠠᠢ ᠪᠤᠯᠤᠬᠰᠠᠨ︔ | ︵ᠲᠦᠷᠪᠡ︶ ᠬᠦᠳᠡᠯᠮᠤᠷᠢ ᠶᠢᠨ ᠭᠡᠷ᠎ᠡ ᠶᠢ ᠲᠤᠬᠳᠠᠬᠤ ᠦᠶ᠎ᠡ ᠳᠤ ᠦᠨᠳᠦᠰᠦᠯᠡᠯ ᠪᠤᠯᠭᠠᠬᠰᠠᠨ ᠪᠤᠰᠤᠳᠴᠢ ᠠᠵᠤ ᠠᠬᠤᠢ ᠶᠢᠨ ᠪᠠᠶᠢᠳᠠᠯ ᠳᠤ ᠴᠢᠬᠤᠯᠠ ᠶᠡᠭᠡ | ᠬᠤᠪᠢᠷᠠᠯᠳᠠ ᠭᠠᠷᠤᠬᠰᠠᠨ ᠠᠴᠠ ᠪᠤᠯᠵᠤ ᠬᠦᠳᠡᠯᠮᠤᠷᠢ ᠶᠢᠨ ᠭᠡᠷ᠎ᠡ ᠶᠢ ᠬᠡᠷᠡᠭᠵᠢᠭᠦᠯᠬᠦ ᠠᠷᠭ᠎ᠠ ᠦᠭᠡᠢ ᠪᠤᠯᠤᠬᠰᠠᠨ ᠪᠤᠰᠤᠳ ᠪᠠᠶᠢᠳᠠᠯ᠃ | ᠬᠦᠮᠦᠨ ᠬᠠᠰᠤᠬᠤ ᠦᠶ᠎ᠡ ᠳᠤ ᠲᠤᠤᠷᠠᠬᠢ ᠬᠦᠮᠦᠰ ᠢ ᠤᠷᠢᠳᠠᠪᠡᠷ ᠦᠯᠡᠳᠡᠭᠡᠨ ᠬᠡᠷᠡᠭᠯᠡᠬᠦ ᠬᠡᠷᠡᠭᠳᠠᠢ᠄ | ︵ᠨᠢᠭᠡ︶ ᠲᠤᠰ ᠨᠢᠭᠡᠴᠡ ᠲᠠᠢ ᠨᠡᠯᠢᠶᠡᠳ ᠤᠷᠳᠤ ᠬᠤᠭᠤᠴᠠᠭᠠᠨ ᠤ ᠲᠤᠬᠳᠠᠮᠠᠯ ᠬᠤᠭᠤᠴᠠᠭ᠎ᠠ ᠲᠠᠢ ᠬᠦᠳᠡᠯᠮᠤᠷᠢ ᠶᠢᠨ ᠭᠡᠷ᠎ᠡ ᠲᠤᠬᠳᠠᠬᠰᠠᠨ︔ | ︵ᠬᠤᠶᠠᠷ︶ ᠲᠤᠰ ᠨᠢᠭᠡᠴᠡ ᠲᠠᠢ ᠲᠤᠬᠳᠠᠮᠠᠯ ᠪᠤᠰᠤ ᠬᠤᠭᠤᠴᠠᠭᠠᠨ ᠤ ᠬᠦᠳᠡᠯᠮᠤᠷᠢ ᠶᠢᠨ ᠭᠡᠷ᠎ᠡ ᠲᠤᠬᠳᠠᠬᠰᠠᠨ︔ ︵ᠭᠤᠷᠪᠠ︶ ᠭᠡᠷ ᠪᠦᠯᠢ ᠳᠤᠨᠢ ᠤᠨᠳᠤᠤ | ᠠᠵᠢᠯ ᠲᠠᠢ ᠬᠦᠮᠦᠨ ᠪᠠᠶᠢᠬᠤ ᠦᠭᠡᠢ᠂ ᠠᠰᠠᠷᠠᠨ ᠲᠡᠵᠢᠭᠡᠬᠦ ᠨᠠᠰᠤᠳᠡᠨ ᠪᠤᠶᠤ ᠨᠠᠰᠤᠨ ᠳᠤ ᠦᠯᠦ ᠬᠦᠷᠦᠭᠰᠡᠳ ᠪᠠᠶᠢᠬᠤ︔ | ᠬᠦᠮᠦᠨ ᠬᠡᠷᠡᠭᠯᠡᠬᠦ ᠨᠢᠭᠡᠴᠡ ᠲᠤᠰ ᠵᠦᠢᠯ ᠤᠨ ᠨᠢᠭᠡᠳᠤᠭᠡᠷ ᠪᠠᠳᠠᠬ ᠤᠨ ᠲᠤᠬᠳᠠᠭᠠᠯ ᠶᠤᠰᠤᠭᠠᠷ ᠬᠦᠮᠦᠨ ᠬᠠᠰᠤᠭᠠᠳ᠂ ᠵᠢᠷᠭᠤᠭᠠᠨ ᠰᠠᠷ᠎ᠠ ᠶᠢᠨ ᠲᠤᠳᠤᠷ᠎ᠠ | ᠰᠢᠨ᠎ᠡ ᠪᠠᠷ ᠬᠦᠮᠦᠨ ᠡᠯᠰᠡᠵᠤ ᠬᠡᠷᠡᠭᠯᠡᠪᠡᠯ᠂ ᠬᠠᠰᠤᠬᠳᠠᠬᠰᠠᠨ ᠬᠦᠮᠦᠰ ᠲᠤ ᠮᠡᠳᠡᠭᠳᠡᠬᠦ ᠬᠡᠷᠡᠭᠳᠠᠢ ᠪᠦᠭᠡᠳ ᠠᠳᠠᠯᠢᠬᠠᠨ ᠨᠦᠬᠦᠴᠡᠯ ᠤᠨ ᠲᠤᠤᠷ᠎ᠠ ᠬᠠᠰᠤᠬᠳᠠᠬᠰᠠᠨ | ᠬᠦᠮᠦᠰ ᠢ ᠤᠷᠢᠳᠠᠪᠡᠷ ᠡᠯᠰᠡᠵᠤ ᠬᠡᠷᠡᠭᠯᠡᠬᠦ ᠬᠡᠷᠡᠭᠳᠠᠢ᠃ | ᠲᠦᠴᠢᠨ ᠬᠤᠶᠠᠳᠤᠭᠠᠷ ᠵᠦᠢᠯ ᠬᠦᠳᠡᠯᠮᠤᠷᠢᠴᠢᠨ ᠳᠤ ᠲᠤᠤᠷ᠎ᠠ ᠵᠢᠬᠰᠠᠭᠠᠬᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠬᠦᠮᠦᠨ ᠬᠡᠷᠡᠭᠯᠡᠬᠦ ᠨᠢᠭᠡᠴᠡ ᠨᠢ ᠲᠤᠰ | ᠬᠠᠤᠯᠢ ᠶᠢᠨ ᠲᠦᠴᠢᠳᠦᠭᠡᠷ ᠵᠦᠢᠯ᠂ ᠲᠦᠴᠢᠨ ᠨᠢᠭᠡᠳᠤᠭᠡᠷ ᠵᠦᠢᠯ ᠤᠨ ᠲᠤᠬᠳᠠᠭᠠᠯ ᠶᠤᠰᠤᠭᠠᠷ ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠵᠤ ᠪᠤᠯᠬᠤ ᠦᠭᠡᠢ᠄ | ︵ᠨᠢᠭᠡ︶ ᠠᠵᠢᠯ ᠤᠨ ᠨᠦᠯᠦᠭᠡᠨ ᠤ ᠡᠪᠡᠳᠴᠢᠨ ᠤ ᠬᠤᠤᠷ ᠬᠦᠨᠦᠭᠡᠯ ᠲᠠᠢ ᠠᠵᠢᠯ ᠬᠢᠵᠤ ᠪᠠᠶᠢᠬᠰᠠᠨ ᠬᠦᠳᠡᠯᠮᠤᠷᠢᠴᠢᠨ ᠠᠵᠢᠯ ᠤᠨ ᠪᠠᠶᠢᠷᠢ ᠠᠴᠠ ᠰᠠᠯᠬᠤ ᠠᠴᠠ | ᠡᠮᠦᠨ᠎ᠡ ᠠᠵᠢᠯ ᠮᠡᠷᠭᠡᠵᠢᠯ ᠤᠨ ᠡᠷᠡᠭᠦᠯ ᠮᠡᠨᠳᠤ ᠶᠢᠨ ᠪᠠᠶᠢᠴᠠᠭᠠᠯᠳᠠ ᠦᠯᠦ ᠬᠢᠭᠰᠡᠨ᠂ ᠡᠰᠡᠭᠦᠯ᠎ᠡ ᠠᠵᠢᠯ ᠤᠨ ᠨᠦᠯᠦᠭᠡᠨ ᠤ ᠡᠪᠡᠳᠴᠢᠨ ᠤ ᠰᠡᠵᠢᠭᠯᠡᠯᠳᠠᠢ ᠡᠪᠡᠳᠴᠢᠳᠡᠨ | ᠤᠨᠤᠰᠢᠯᠠᠭᠤᠯᠬᠤ ᠪᠤᠶᠤ ᠠᠨᠠᠭᠠᠬᠤ ᠤᠬᠠᠭᠠᠨ ᠤ ᠠᠵᠢᠬᠯᠠᠯᠳᠠ ᠬᠢᠯᠭᠡᠬᠦ ᠬᠤᠭᠤᠴᠠᠭᠠᠨ ᠳᠤ ᠪᠠᠶᠢᠬᠤ︔ | ︵ᠬᠤᠶᠠᠷ︶ ᠲᠤᠰ ᠨᠢᠭᠡᠴᠡ ᠳᠤ ᠠᠵᠢᠯ ᠤᠨ ᠨᠦᠯᠦᠭᠡᠨ ᠤ ᠡᠪᠡᠳᠴᠢᠨ ᠤᠯᠤᠬᠰᠠᠨ ᠪᠤᠶᠤ ᠠᠵᠢᠯ ᠤᠨ ᠬᠠᠷᠠᠭ᠎ᠠ ᠪᠠᠷ ᠰᠢᠷᠬᠠᠳᠤᠭᠠᠳ ᠬᠦᠳᠡᠯᠮᠤᠷᠢᠯᠡᠬᠦ | ᠴᠢᠳᠠᠪᠤᠷᠢ ᠪᠠᠨ ᠠᠯᠳᠠᠬᠰᠠᠨ ᠪᠤᠶᠤ ᠬᠡᠰᠡᠭ ᠲᠠᠯ᠎ᠠ ᠪᠠᠷ ᠠᠯᠳᠠᠬᠰᠠᠨ ᠬᠡᠵᠤ ᠲᠤᠳᠤᠯᠠᠬᠳᠠᠬᠰᠠᠨ︔ | ︵ᠭᠤᠷᠪᠠ︶ ᠡᠪᠡᠳᠴᠢᠯᠡᠭᠰᠡᠨ ᠪᠤᠶᠤ ᠠᠵᠢᠯ ᠤᠨ ᠪᠤᠰᠤ ᠰᠢᠯᠳᠠᠭᠠᠨ ᠢᠶᠠᠷ ᠰᠢᠷᠬᠠᠳᠤᠭᠠᠳ ᠲᠤᠬᠳᠠᠬᠰᠠᠨ ᠡᠮᠴᠢᠯᠡᠭᠦᠯᠬᠦ ᠬᠤᠭᠤᠴᠠᠭᠠᠨ ᠳᠤ ᠪᠠᠶᠢᠬᠤ︔ | ︵ᠲᠦᠷᠪᠡ︶ ᠡᠮᠡᠭᠳᠠᠢ ᠠᠵᠢᠯᠳᠡᠨ ᠠᠵᠢᠯᠴᠢᠨ ᠵᠢᠷᠮᠤᠰᠤᠨ ᠬᠤᠭᠤᠴᠠᠭ᠎ᠠ᠂ ᠬᠦᠡᠭᠭᠡᠵᠢᠬᠦ ᠬᠤᠭᠤᠴᠠᠭ᠎ᠠ᠂ ᠬᠦᠬᠦᠯᠬᠦ ᠬᠤᠭᠤᠴᠠᠭᠠᠨ ᠳᠤ ᠪᠠᠶᠢᠬᠤ︔ | ︵ᠲᠠᠪᠤ︶ ᠲᠤᠰ ᠨᠢᠭᠡᠴᠡ ᠳᠤ ᠠᠷᠪᠠᠨ ᠲᠠᠪᠤᠨ ᠵᠢᠯ ᠦᠷᠭᠦᠯᠵᠢᠯᠡᠨ ᠠᠵᠢᠯᠯᠠᠬᠰᠠᠨ ᠪᠦᠭᠡᠳ ᠬᠠᠤᠯᠢ ᠪᠠᠷ ᠲᠤᠬᠳᠠᠭᠠᠬᠰᠠᠨ ᠠᠵᠢᠯ ᠠᠴᠠ ᠪᠠᠨ ᠠᠮᠠᠷᠠᠬᠤ | ᠨᠠᠰᠤᠨ ᠳᠤ ᠬᠦᠷᠳᠡᠯ᠎ᠡ ᠲᠠᠪᠤᠨ ᠵᠢᠯ ᠬᠦᠷᠬᠦ ᠦᠭᠡᠢ ᠪᠠᠶᠢᠬᠤ︔ | ︵ᠵᠢᠷᠭᠤᠭ᠎ᠠ︶ ᠬᠠᠤᠯᠢ ᠴᠠᠭᠠᠵᠠ᠂ ᠵᠠᠰᠠᠬ ᠵᠠᠬᠢᠷᠭᠠᠨ ᠤ ᠬᠠᠤᠯᠢ ᠲᠤᠬᠳᠠᠭᠠᠯ ᠳᠤ ᠲᠤᠬᠳᠠᠭᠠᠬᠰᠠᠨ ᠪᠤᠰᠤᠳ ᠪᠠᠶᠢᠳᠠᠯ ᠤᠳ᠃ | ᠲᠦᠴᠢᠨ ᠭᠤᠷᠪᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠡ ᠭᠠᠭᠴᠠ ᠲᠠᠯ᠎ᠠ ᠠᠴᠠ ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠤ ᠳᠤ ᠤᠴᠢᠷ | ᠰᠢᠯᠳᠠᠭᠠᠨ ᠢᠶᠠᠨ ᠠᠵᠢᠯᠴᠢᠨ ᠤ ᠡᠪᠯᠡᠯ ᠳᠤ ᠤᠷᠢᠳᠠᠪᠡᠷ ᠮᠡᠳᠡᠭᠦᠯᠬᠦ ᠬᠡᠷᠡᠭᠳᠠᠢ᠃ ᠬᠦᠮᠦᠨ ᠬᠡᠷᠡᠭᠯᠡᠬᠦ ᠨᠢᠭᠡᠴᠡ ᠬᠠᠤᠯᠢ ᠴᠠᠭᠠᠵᠠ᠂ ᠵᠠᠰᠠᠬ ᠵᠠᠬᠢᠷᠭᠠᠨ ᠤ ᠬᠠᠤᠯᠢ | ᠲᠤᠬᠳᠠᠭᠠᠯ ᠪᠤᠶᠤ ᠬᠦᠳᠡᠯᠮᠤᠷᠢ ᠶᠢᠨ ᠭᠡᠷ᠎ᠡ ᠠᠴᠠ ᠵᠦᠷᠢᠴᠡᠭᠰᠡᠨ ᠪᠠᠶᠢᠪᠠᠯ᠂ ᠠᠵᠢᠯᠴᠢᠨ ᠤ ᠡᠪᠯᠡᠯ ᠬᠦᠮᠦᠨ ᠬᠡᠷᠡᠭᠯᠡᠬᠦ ᠨᠢᠭᠡᠴᠡ ᠶᠢ ᠵᠠᠯᠠᠷᠠᠭᠤᠯᠤᠭᠤᠯᠬᠤ ᠪᠠᠷ ᠱᠠᠭᠠᠷᠳᠠᠬᠤ | ᠡᠷᠬᠡ ᠲᠠᠢ᠃ ᠬᠦᠮᠦᠨ ᠬᠡᠷᠡᠭᠯᠡᠬᠦ ᠨᠢᠭᠡᠴᠡ ᠠᠵᠢᠯᠴᠢᠨ ᠤ ᠡᠪᠯᠡᠯ ᠤᠨ ᠰᠠᠨᠠᠯ ᠢ ᠰᠤᠳᠤᠯᠬᠤ ᠬᠡᠷᠡᠭᠳᠠᠢ ᠪᠦᠭᠡᠳ ᠰᠢᠢᠳᠪᠤᠷᠢᠯᠡᠭᠰᠡᠨ ᠳ᠋ᠦᠩ ᠢᠶᠠᠨ ᠠᠵᠢᠯᠴᠢᠨ ᠤ ᠡᠪᠯᠡᠯ ᠳᠤ | ᠪᠢᠴᠢᠭ ᠢᠶᠠᠷ ᠮᠡᠳᠡᠭᠳᠡᠬᠦ ᠬᠡᠷᠡᠭᠳᠠᠢ᠃ | ᠲᠦᠴᠢᠨ ᠲᠦᠷᠪᠡᠳᠦᠭᠡᠷ ᠵᠦᠢᠯ ᠲᠤᠤᠷ᠎ᠠ ᠵᠢᠬᠰᠠᠭᠠᠬᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠬᠦᠳᠡᠯᠮᠤᠷᠢ ᠶᠢᠨ ᠭᠡᠷ᠎ᠡ ᠶᠢ ᠲᠠᠭᠤᠰᠬᠠᠨ᠎ᠠ᠄ | ︵ᠨᠢᠭᠡ︶ ᠬᠦᠳᠡᠯᠮᠤᠷᠢ ᠶᠢᠨ ᠭᠡᠷ᠎ᠡ ᠶᠢᠨ ᠬᠤᠭᠤᠴᠠᠭ᠎ᠠ ᠨᠢ ᠲᠦᠭᠦᠷᠦᠭᠰᠡᠨ︔ | ︵ᠬᠤᠶᠠᠷ︶ ᠬᠦᠳᠡᠯᠮᠤᠷᠢᠴᠢᠨ ᠦᠨᠳᠦᠰᠦᠨ ᠨᠠᠰᠤᠵᠢᠯ ᠤᠨ ᠲᠠᠭᠠᠳᠬᠠᠯ ᠤᠨ ᠬᠠᠷᠠᠭᠠᠯᠵᠠᠯ ᠢ ᠬᠠᠤᠯᠢ ᠶᠤᠰᠤᠭᠠᠷ ᠬᠦᠷᠳᠡᠵᠤ ᠡᠬᠢᠯᠡᠭᠰᠡᠨ︔ | ︵ᠭᠤᠷᠪᠠ︶ ᠬᠦᠳᠡᠯᠮᠤᠷᠢᠴᠢᠨ ᠦᠬᠦᠭᠰᠡᠨ᠂ ᠡᠰᠡᠭᠦᠯ᠎ᠡ ᠠᠷᠠᠳ ᠤᠨ ᠰᠢᠭᠦᠬᠦ ᠬᠤᠷᠢᠶᠠᠨ ᠠᠴᠠ ᠬᠦᠳᠡᠯᠮᠤᠷᠢᠴᠢᠨ ᠢ ᠦᠭᠦᠭᠰᠡᠨ ᠪᠤᠶᠤ ᠰᠤᠷᠠᠬ ᠦᠭᠡᠢ | ᠪᠤᠯᠤᠬᠰᠠᠨ ᠭᠡᠵᠤ ᠨᠡᠶᠢᠳᠡᠯᠡᠭᠰᠡᠨ︔ | ︵ᠲᠦᠷᠪᠡ︶ ᠬᠦᠮᠦᠨ ᠬᠡᠷᠡᠭᠯᠡᠬᠦ ᠨᠢᠭᠡᠴᠡ ᠲᠠᠮᠫᠤᠷᠠᠬᠰᠠᠨ ᠭᠡᠵᠤ ᠬᠠᠤᠯᠢ ᠶᠤᠰᠤᠭᠠᠷ ᠨᠡᠶᠢᠳᠡᠯᠡᠭᠰᠡᠨ︔ | ︵ᠲᠠᠪᠤ︶ ᠬᠦᠮᠦᠨ ᠬᠡᠷᠡᠭᠯᠡᠬᠦ ᠨᠢᠭᠡᠴᠡ ᠡᠵᠡᠩᠨᠡᠯᠳᠡ ᠶᠢᠨ ᠦᠨᠡᠮᠯᠡᠯ ᠢᠶᠠᠨ ᠬᠤᠷᠢᠶᠠᠬᠳᠠᠨ ᠬᠦᠴᠦᠨ ᠦᠭᠡᠢ ᠪᠤᠯᠭᠠᠬᠳᠠᠬᠰᠠᠨ᠂ ᠵᠠᠷᠯᠢᠬ ᠢᠶᠠᠷ ᠡᠭᠦᠳᠡ ᠪᠠᠨ | ᠬᠠᠭᠠᠯᠭᠠᠬᠳᠠᠬᠰᠠᠨ᠂ ᠬᠦᠴᠦᠨ ᠦᠭᠡᠢ ᠪᠤᠯᠭᠠᠬᠳᠠᠬᠰᠠᠨ ᠪᠤᠶᠤ ᠬᠦᠮᠦᠨ ᠬᠡᠷᠡᠭᠯᠡᠬᠦ ᠨᠢᠭᠡᠴᠡ ᠶᠢ ᠤᠷᠢᠳᠴᠢᠯᠠᠨ ᠲᠠᠷᠬᠠᠭᠠᠬᠤ ᠪᠠᠷ ᠲᠤᠬᠳᠠᠭᠠᠬᠰᠠᠨ︔ | ︵ᠵᠢᠷᠭᠤᠭ᠎ᠠ︶ ᠬᠠᠤᠯᠢ ᠴᠠᠭᠠᠵᠠ᠂ ᠵᠠᠰᠠᠬ ᠵᠠᠬᠢᠷᠭᠠᠨ ᠤ ᠬᠠᠤᠯᠢ ᠲᠤᠬᠳᠠᠭᠠᠯ ᠳᠤ ᠲᠤᠬᠳᠠᠭᠠᠬᠰᠠᠨ ᠪᠤᠰᠤᠳ ᠪᠠᠶᠢᠳᠠᠯ ᠤᠳ᠃ | ᠲᠦᠴᠢᠨ ᠲᠠᠪᠤᠳᠤᠭᠠᠷ ᠵᠦᠢᠯ ᠬᠦᠳᠡᠯᠮᠤᠷᠢ ᠶᠢᠨ ᠭᠡᠷ᠎ᠡ ᠶᠢᠨ ᠬᠤᠭᠤᠴᠠᠭ᠎ᠠ ᠨᠢ ᠲᠦᠭᠦᠷᠴᠤ᠂ ᠲᠤᠰ ᠬᠠᠤᠯᠢ ᠶᠢᠨ ᠲᠦᠴᠢᠨ ᠬᠤᠶᠠᠳᠤᠭᠠᠷ ᠵᠦᠢᠯ ᠳᠤ | ᠲᠤᠬᠳᠠᠭᠠᠬᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠬᠦᠳᠡᠯᠮᠤᠷᠢ ᠶᠢᠨ ᠭᠡᠷ᠎ᠡ ᠶᠢ ᠵᠤᠬᠢᠴᠠᠩᠭᠤᠢ ᠪᠠᠶᠢᠳᠠᠯ ᠦᠭᠡᠢ ᠪᠤᠯᠬᠤ ᠪᠤᠯᠳᠠᠯ᠎ᠠ ᠦᠷᠭᠦᠯᠵᠢᠯᠡᠭᠦᠯᠤᠭᠡᠳ | ᠲᠠᠭᠤᠰᠬᠠᠬᠤ ᠬᠡᠷᠡᠭᠳᠠᠢ᠃ ᠭᠡᠪᠡᠴᠤ ᠲᠤᠰ ᠬᠠᠤᠯᠢ ᠶᠢᠨ ᠲᠦᠴᠢᠨ ᠬᠤᠶᠠᠳᠤᠭᠠᠷ ᠵᠦᠢᠯ ᠤᠨ ᠬᠤᠶᠠᠳᠤᠭᠠᠷ ᠵᠤᠷᠪᠤᠰ ᠲᠤ ᠲᠤᠬᠳᠠᠭᠠᠬᠰᠠᠨ ᠬᠦᠳᠡᠯᠮᠤᠷᠢᠯᠡᠬᠦ | ᠴᠢᠳᠠᠪᠤᠷᠢ ᠪᠠᠨ ᠠᠯᠳᠠᠬᠰᠠᠨ ᠪᠤᠶᠤ ᠬᠡᠰᠡᠭ ᠲᠠᠯ᠎ᠠ ᠪᠠᠷ ᠠᠯᠳᠠᠬᠰᠠᠨ ᠬᠦᠳᠡᠯᠮᠤᠷᠢᠴᠢᠨ ᠤ ᠬᠦᠳᠡᠯᠮᠤᠷᠢ ᠶᠢᠨ ᠭᠡᠷ᠎ᠡ ᠶᠢ ᠲᠠᠭᠤᠰᠬᠠᠬᠤ ᠳᠤ᠂ ᠤᠯᠤᠰ ᠤᠨ ᠬᠤᠯᠪᠤᠬᠳᠠᠯ | ᠪᠦᠬᠦᠢ ᠠᠵᠢᠯ ᠠᠴᠠ ᠪᠤᠯᠤᠬᠰᠠᠨ ᠭᠡᠮᠳᠤᠯ ᠤᠨ ᠲᠠᠭᠠᠳᠬᠠᠯ ᠤᠨ ᠲᠤᠬᠳᠠᠭᠠᠯ ᠶᠤᠰᠤᠭᠠᠷ ᠬᠡᠷᠡᠭᠵᠢᠭᠦᠯᠤᠨ᠎ᠡ᠃ | ᠲᠦᠴᠢᠨ ᠵᠢᠷᠭᠤᠳᠤᠭᠠᠷ ᠵᠦᠢᠯ ᠲᠤᠤᠷ᠎ᠠ ᠵᠢᠬᠰᠠᠭᠠᠬᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠬᠦᠮᠦᠨ ᠬᠡᠷᠡᠭᠯᠡᠬᠦ ᠨᠢᠭᠡᠴᠡ ᠬᠦᠳᠡᠯᠮᠤᠷᠢᠴᠢᠨ ᠳᠤ ᠠᠵᠤ | ᠠᠬᠤᠢ ᠶᠢᠨ ᠨᠦᠬᠦᠪᠤᠷᠢ ᠦᠭᠬᠦ ᠬᠡᠷᠡᠭᠳᠠᠢ᠄ | ︵ᠨᠢᠭᠡ︶ ᠬᠦᠳᠡᠯᠮᠤᠷᠢᠴᠢᠨ ᠲᠤᠰ ᠬᠠᠤᠯᠢ ᠶᠢᠨ ᠭᠤᠴᠢᠨ ᠨᠠᠢᠮᠠᠳᠤᠭᠠᠷ ᠵᠦᠢᠯ ᠤᠨ ᠲᠤᠬᠳᠠᠭᠠᠯ ᠶᠤᠰᠤᠭᠠᠷ ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ | ᠪᠤᠯᠭᠠᠬᠰᠠᠨ︔ | ︵ᠬᠤᠶᠠᠷ︶ ᠬᠦᠮᠦᠨ ᠬᠡᠷᠡᠭᠯᠡᠬᠦ ᠨᠢᠭᠡᠴᠡ ᠲᠤᠰ ᠬᠠᠤᠯᠢ ᠶᠢᠨ ᠭᠤᠴᠢᠨ ᠵᠢᠷᠭᠤᠳᠤᠭᠠᠷ ᠵᠦᠢᠯ ᠤᠨ ᠲᠤᠬᠳᠠᠭᠠᠯ ᠶᠤᠰᠤᠭᠠᠷ ᠬᠦᠳᠡᠯᠮᠤᠷᠢᠴᠢᠨ ᠳᠤ | ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠤ ᠪᠠᠷ ᠲᠤᠷᠠᠳᠤᠬᠰᠠᠨ ᠪᠦᠭᠡᠳ ᠬᠦᠳᠡᠯᠮᠤᠷᠢᠴᠢᠨ ᠲᠠᠢ ᠵᠦᠪᠳᠡᠯᠴᠡᠨ ᠰᠠᠨᠠᠯ ᠨᠢᠭᠡᠳᠴᠤ ᠬᠦᠳᠡᠯᠮᠤᠷᠢ ᠶᠢᠨ ᠭᠡᠷ᠎ᠡ ᠶᠢ | ᠬᠦᠴᠦᠨ ᠦᠭᠡᠢ ᠪᠤᠯᠭᠠᠬᠰᠠᠨ︔ | ︵ᠭᠤᠷᠪᠠ︶ ᠬᠦᠮᠦᠨ ᠬᠡᠷᠡᠭᠯᠡᠬᠦ ᠨᠢᠭᠡᠴᠡ ᠲᠤᠰ ᠬᠠᠤᠯᠢ ᠶᠢᠨ ᠲᠦᠴᠢᠳᠦᠭᠡᠷ ᠵᠦᠢᠯ ᠤᠨ ᠲᠤᠬᠳᠠᠭᠠᠯ ᠶᠤᠰᠤᠭᠠᠷ ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ | ᠪᠤᠯᠭᠠᠬᠰᠠᠨ︔ | ︵ᠳᠥᠷᠪᠡ︶ ᠬᠦᠮᠦᠨ ᠬᠡᠷᠡᠭᠯᠡᠬᠦ ᠨᠢᠭᠡᠴᠡ ᠲᠤᠰ ᠬᠠᠤᠯᠢ ᠶᠢᠨ ᠲᠦᠴᠢᠨ ᠨᠢᠭᠡᠳᠤᠭᠡᠷ ᠵᠦᠢᠯ ᠤᠨ ᠨᠢᠭᠡᠳᠤᠭᠡᠷ ᠪᠠᠳᠠᠬ ᠤᠨ ᠲᠤᠬᠳᠠᠭᠠᠯ ᠶᠤᠰᠤᠭᠠᠷ | ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠰᠠᠨ︔ | ︵ᠲᠠᠪᠤ︶ ᠬᠦᠮᠦᠨ ᠬᠡᠷᠡᠭᠯᠡᠬᠦ ᠨᠢᠭᠡᠴᠡ ᠬᠦᠳᠡᠯᠮᠤᠷᠢ ᠶᠢᠨ ᠭᠡᠷ᠎ᠡ ᠳᠤ ᠪᠤᠯᠵᠤᠨ ᠲᠤᠬᠳᠠᠬᠰᠠᠨ ᠨᠦᠬᠦᠴᠡᠯ ᠢ ᠲᠡᠷᠡ ᠶᠠᠩᠵᠤ ᠪᠠᠷ ᠨᠢ ᠪᠠᠶᠢᠯᠭᠠᠬᠤ ᠪᠤᠶᠤ | ᠲᠡᠭᠡᠭᠰᠢᠯᠡᠭᠦᠯᠤᠭᠡᠳ ᠬᠦᠳᠡᠯᠮᠤᠷᠢ ᠶᠢᠨ ᠭᠡᠷ᠎ᠡ ᠶᠢ ᠦᠷᠬᠦᠯᠵᠢᠯᠡᠨ ᠲᠤᠬᠳᠠᠭᠠᠬᠰᠠᠨ᠂ ᠬᠦᠳᠡᠯᠮᠤᠷᠢᠴᠢᠨ ᠦᠷᠭᠦᠯᠵᠢᠯᠡᠨ ᠲᠤᠬᠳᠠᠭᠠᠬᠤ ᠶᠢ ᠦᠯᠦ ᠵᠦᠪᠰᠢᠶᠡᠷᠡᠭᠰᠡᠨ | ᠪᠠᠶᠢᠳᠠᠯ ᠠᠴᠠ ᠭᠠᠳᠠᠨ᠎ᠠ᠂ ᠲᠤᠰ ᠬᠠᠤᠯᠢ ᠶᠢᠨ ᠲᠦᠴᠢᠨ ᠲᠦᠷᠪᠡᠳᠦᠭᠡᠷ ᠵᠦᠢᠯ ᠤᠨ ᠨᠢᠭᠡᠳᠤᠭᠡᠷ ᠵᠤᠷᠪᠤᠰ ᠤᠨ ᠲᠤᠬᠳᠠᠭᠠᠯ ᠶᠤᠰᠤᠭᠠᠷ ᠲᠤᠬᠳᠠᠮᠠᠯ ᠬᠤᠭᠤᠴᠠᠭ᠎ᠠ ᠲᠠᠢ | ᠬᠦᠳᠡᠯᠮᠤᠷᠢ ᠶᠢᠨ ᠭᠡᠷ᠎ᠡ ᠶᠢ ᠲᠠᠭᠤᠰᠬᠠᠬᠰᠠᠨ︔ | ︵ᠵᠢᠷᠭᠤᠭ᠎ᠠ︶ ᠲᠤᠰ ᠬᠠᠤᠯᠢ ᠶᠢᠨ ᠲᠦᠴᠢᠨ ᠲᠦᠷᠪᠡᠳᠦᠭᠡᠷ ᠵᠦᠢᠯ ᠤᠨ ᠲᠦᠷᠪᠡᠳᠦᠭᠡᠷ ᠵᠤᠷᠪᠤᠰ᠂ ᠲᠠᠪᠤᠳᠤᠭᠠᠷ ᠵᠤᠷᠪᠤᠰ ᠤᠨ ᠲᠤᠬᠳᠠᠭᠠᠯ ᠶᠤᠰᠤᠭᠠᠷ | ᠬᠦᠳᠡᠯᠮᠤᠷᠢ ᠶᠢᠨ ᠭᠡᠷ᠎ᠡ ᠶᠢ ᠲᠠᠭᠤᠰᠬᠠᠬᠰᠠᠨ︔ | ︵ᠲᠤᠯᠤᠭ᠎ᠠ︶ ᠬᠠᠤᠯᠢ ᠴᠠᠭᠠᠵᠠ᠂ ᠵᠠᠰᠠᠬ ᠵᠠᠬᠢᠷᠭᠠᠨ ᠤ ᠲᠦᠷᠢᠮ ᠲᠤᠬᠳᠠᠭᠠᠯ ᠳᠤ ᠲᠤᠬᠳᠠᠭᠠᠬᠰᠠᠨ ᠪᠤᠰᠤᠳ ᠪᠠᠶᠢᠳᠠᠯ ᠤᠳ᠃ | ᠲᠦᠴᠢᠨ ᠲᠤᠯᠤᠳᠤᠭᠠᠷ ᠵᠦᠢᠯ ᠠᠵᠤ ᠠᠬᠤᠢ ᠶᠢᠨ ᠨᠦᠬᠦᠪᠤᠷᠢ ᠶᠢ ᠪᠤᠯ ᠬᠦᠳᠡᠯᠮᠤᠷᠢᠴᠢᠨ ᠤ ᠲᠤᠰ ᠨᠢᠭᠡᠴᠡ ᠳᠤ ᠠᠵᠢᠯᠯᠠᠬᠰᠠᠨ ᠵᠢᠯ ᠬᠤᠭᠤᠴᠠᠭ᠎ᠠ ᠪᠠᠷ ᠨᠢ | ᠪᠦᠬᠦᠯᠢ ᠨᠢᠭᠡ ᠵᠢᠯ ᠪᠤᠯᠬᠤ ᠪᠦᠷᠢ ᠨᠢᠭᠡ ᠰᠠᠷ᠎ᠠ ᠶᠢᠨ ᠴᠠᠯᠢᠩ ᠤᠯᠭᠤᠬᠤ ᠪᠠᠷᠢᠮᠵᠢᠶ᠎ᠠ ᠪᠠᠷ ᠬᠦᠳᠡᠯᠮᠤᠷᠢᠴᠢᠨ ᠳᠤ ᠦᠭᠭᠦᠨ᠎ᠡ᠃ ᠵᠢᠷᠭᠤᠭᠠᠨ ᠰᠠᠷ᠎ᠠ ᠠᠴᠠ ᠲᠡᠭᠡᠭᠰᠢ ᠨᠢᠭᠡ | ᠵᠢᠯ ᠪᠤᠯᠤᠭᠠᠳᠤᠢ ᠪᠠᠶᠢᠪᠠᠯ᠂ ᠨᠢᠭᠡ ᠵᠢᠯ ᠢᠶᠠᠷ ᠪᠤᠳᠤᠨ᠎ᠠ᠃ ᠵᠢᠷᠭᠤᠭᠠᠨ ᠰᠠᠷ᠎ᠠ ᠪᠤᠯᠤᠭᠠᠳᠤᠢ ᠪᠠᠶᠢᠪᠠᠯ᠂ ᠬᠦᠳᠡᠯᠮᠤᠷᠢᠴᠢᠨ ᠳᠤ ᠬᠠᠭᠠᠰ ᠰᠠᠷ᠎ᠠ ᠶᠢᠨ ᠴᠠᠯᠢᠩ ᠤᠨ ᠠᠵᠤ | ᠠᠬᠤᠢ ᠶᠢᠨ ᠨᠦᠬᠦᠪᠤᠷᠢ ᠦᠭᠭᠦᠨ᠎ᠡ᠃ | ᠬᠦᠳᠡᠯᠮᠤᠷᠢᠴᠢᠨ ᠤ ᠰᠠᠷ᠎ᠠ ᠶᠢᠨ ᠴᠠᠯᠢᠩ ᠨᠢ ᠬᠦᠮᠦᠨ ᠬᠡᠷᠡᠭᠯᠡᠬᠦ ᠨᠢᠭᠡᠴᠡ ᠶᠢᠨ ᠰᠠᠭᠤᠭ᠎ᠠ ᠰᠢᠭᠤᠳ ᠬᠠᠷᠢᠶ᠎ᠠ ᠬᠤᠳᠠ᠂ ᠲᠤᠭᠤᠷᠢᠬ ᠪᠦᠬᠦᠢ ᠬᠤᠳᠠ ᠶᠢᠨ | ᠲᠡᠰ ᠤᠨ ᠠᠷᠠᠳ ᠤᠨ ᠵᠠᠰᠠᠬ ᠤᠨ ᠤᠷᠳᠤᠨ ᠤ ᠨᠡᠶᠢᠳᠡᠯᠡᠭᠰᠡᠨ ᠲᠤᠰ ᠭᠠᠵᠠᠷ ᠤᠷᠤᠨ ᠤ ᠲᠦᠷᠦᠭᠦᠦ ᠵᠢᠯ ᠤᠨ ᠠᠵᠢᠯᠳᠡᠨ ᠠᠵᠢᠯᠴᠢᠨ ᠤ ᠰᠠᠷ᠎ᠠ ᠶᠢᠨ ᠲᠤᠮᠳᠠᠴᠢ | ᠴᠠᠯᠢᠩ ᠤᠨ ᠭᠤᠷᠪᠠᠨ ᠲᠠᠬᠢᠨ ᠠᠴᠠ ᠦᠨᠳᠦᠷ ᠪᠤᠯᠪᠠᠯ᠂ ᠲᠡᠭᠦᠨ ᠳᠤ ᠦᠭᠬᠦ ᠠᠵᠤ ᠠᠬᠤᠢ ᠶᠢᠨ ᠨᠦᠬᠦᠪᠤᠷᠢ ᠶᠢᠨ ᠪᠠᠷᠢᠮᠵᠢᠶ᠎ᠠ ᠨᠢ ᠠᠵᠢᠯᠳᠡᠨ ᠠᠵᠢᠯᠴᠢᠨ ᠤ ᠰᠠᠷ᠎ᠠ ᠶᠢᠨ | ᠲᠤᠮᠳᠠᠴᠢ ᠴᠠᠯᠢᠩ ᠤᠨ ᠭᠤᠷᠪᠠᠨ ᠲᠠᠬᠢᠨ ᠪᠤᠯᠤᠨ᠎ᠠ᠂ ᠲᠡᠭᠦᠨ ᠳᠤ ᠠᠵᠤ ᠠᠬᠤᠢ ᠶᠢᠨ ᠨᠦᠬᠦᠪᠤᠷᠢ ᠦᠭᠬᠦ ᠵᠢᠯ ᠬᠤᠭᠤᠴᠠᠭ᠎ᠠ ᠨᠢ ᠬᠠᠮᠤᠬ ᠤᠷᠳᠤ ᠳᠠᠭᠠᠨ ᠠᠷᠪᠠᠨ | ᠬᠤᠶᠠᠷ ᠵᠢᠯ ᠠᠴᠠ ᠬᠡᠳᠦᠷᠡᠬᠦ ᠦᠭᠡᠢ᠃ | ᠲᠤᠰ ᠵᠦᠢᠯ ᠳᠤ ᠬᠡᠯᠡᠵᠤ ᠪᠠᠶᠢᠭ᠎ᠠ ᠰᠠᠷ᠎ᠠ ᠶᠢᠨ ᠴᠠᠯᠢᠩ ᠭᠡᠳᠡᠭ ᠨᠢ ᠬᠦᠳᠡᠯᠮᠤᠷᠢᠴᠢᠨ ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠤ ᠪᠤᠶᠤ | ᠲᠠᠭᠤᠰᠬᠠᠬᠤ ᠠᠴᠠ ᠡᠮᠦᠨᠡᠬᠢ ᠠᠷᠪᠠᠨ ᠬᠤᠶᠠᠷ ᠰᠠᠷ᠎ᠠ ᠶᠢᠨ ᠲᠤᠮᠳᠠᠴᠢ ᠴᠠᠯᠢᠩ ᠢ ᠵᠢᠭᠠᠵᠤ ᠪᠠᠶᠢᠨ᠎ᠠ᠃ | ᠲᠦᠴᠢᠨ ᠨᠠᠢᠮᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠡ ᠲᠤᠰ ᠬᠠᠤᠯᠢ ᠶᠢᠨ ᠲᠤᠬᠳᠠᠭᠠᠯ ᠠᠴᠠ ᠵᠦᠷᠢᠴᠡᠵᠤ ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ | ᠪᠤᠯᠭᠠᠬᠤ ᠪᠤᠶᠤ ᠲᠠᠭᠤᠰᠬᠠᠬᠤ ᠳᠤ᠂ ᠬᠦᠳᠡᠯᠮᠤᠷᠢᠴᠢᠨ ᠬᠦᠳᠡᠯᠮᠤᠷᠢ ᠶᠢᠨ ᠭᠡᠷ᠎ᠡ ᠶᠢ ᠦᠷᠭᠦᠯᠵᠢᠯᠡᠨ ᠭᠦᠢᠴᠡᠳᠭᠡᠬᠦ ᠶᠢ ᠱᠠᠭᠠᠷᠳᠠᠪᠠᠯ᠂ ᠬᠦᠮᠦᠨ ᠬᠡᠷᠡᠭᠯᠡᠬᠦ ᠨᠢᠭᠡᠴᠡ | ᠦᠷᠭᠦᠯᠵᠢᠯᠡᠨ ᠭᠦᠢᠴᠡᠳᠭᠡᠬᠦ ᠬᠡᠷᠡᠭᠳᠠᠢ︔ ᠬᠦᠳᠡᠯᠮᠤᠷᠢᠴᠢᠨ ᠬᠦᠳᠡᠯᠮᠤᠷᠢ ᠶᠢᠨ ᠭᠡᠷ᠎ᠡ ᠶᠢ ᠦᠷᠭᠦᠯᠵᠢᠯᠡᠨ ᠭᠦᠢᠴᠡᠳᠭᠡᠬᠦ ᠶᠢ ᠦᠯᠦ ᠱᠠᠭᠠᠷᠳᠠᠬᠰᠠᠨ ᠪᠤᠶᠤ | ᠬᠦᠳᠡᠯᠮᠤᠷᠢ ᠶᠢᠨ ᠭᠡᠷ᠎ᠡ ᠶᠢ ᠦᠷᠭᠦᠯᠵᠢᠯᠡᠨ ᠭᠦᠢᠴᠡᠳᠭᠡᠵᠤ ᠲᠡᠶᠢᠯᠬᠦ ᠦᠭᠡᠢ ᠪᠤᠯᠤᠬᠰᠠᠨ ᠪᠠᠶᠢᠪᠠᠯ᠂ ᠬᠦᠮᠦᠨ ᠬᠡᠷᠡᠭᠯᠡᠬᠦ ᠨᠢᠭᠡᠴᠡ ᠲᠤᠰ ᠬᠠᠤᠯᠢ ᠶᠢᠨ ᠨᠠᠶᠠᠨ | ᠲᠤᠯᠤᠳᠤᠭᠠᠷ ᠵᠦᠢᠯ ᠤᠨ ᠲᠤᠬᠳᠠᠭᠯ ᠶᠤᠰᠤᠭᠠᠷ ᠲᠦᠯᠦᠪᠤᠷᠢ ᠮᠦᠡᠭᠬᠦ ᠦᠭᠬᠦ ᠬᠡᠷᠡᠭᠳᠠᠢ᠃ | ᠲᠦᠴᠢ ᠶᠢᠰᠦᠳᠦᠭᠡᠷ ᠵᠦᠢᠯ ᠤᠯᠤᠰ ᠠᠴᠠ ᠠᠷᠭ᠎ᠠ ᠬᠡᠮᠵᠢᠶ᠎ᠡ ᠠᠪᠴᠤ ᠪᠠᠶᠢᠭᠠᠳ ᠬᠦᠳᠡᠯᠮᠤᠷᠢᠴᠢᠨ ᠤ ᠨᠡᠶᠢᠭᠡᠮ ᠤᠨ ᠲᠠᠭᠠᠳᠬᠠᠯ ᠤᠨ ᠬᠠᠷᠢᠴᠠᠭᠠᠨ ᠤ ᠭᠠᠵᠠᠷ | ᠤᠷᠤᠨ ᠠᠯᠤᠰᠯᠠᠨ ᠰᠢᠯᠵᠢᠭᠦᠯᠵᠤ ᠦᠷᠭᠦᠯᠵᠢᠯᠡᠬᠦ ᠲᠦᠷᠢᠮ ᠢ ᠪᠠᠶᠢᠭᠤᠯᠤᠨ ᠲᠡᠭᠦᠯᠳᠡᠷᠵᠢᠭᠦᠯᠤᠨ᠎ᠡ᠃ | ᠲᠠᠪᠢᠳᠤᠭᠠᠷ ᠵᠦᠢᠯ ᠬᠦᠮᠦᠨ ᠬᠡᠷᠡᠭᠯᠡᠬᠦ ᠨᠢᠭᠡᠴᠡ ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠤ ᠪᠤᠶᠤ ᠲᠠᠭᠤᠰᠬᠠᠬᠤ ᠦᠶ᠎ᠡ ᠳᠤ ᠬᠦᠳᠡᠯᠮᠤᠷᠢ ᠶᠢᠨ | ᠭᠡᠷ᠎ᠡ ᠶᠢ ᠬᠦᠴᠦᠨ ᠦᠭᠡᠢ ᠪᠤᠯᠭᠠᠬᠰᠠᠨ ᠪᠤᠶᠤ ᠲᠠᠭᠤᠰᠬᠠᠬᠰᠠᠨ ᠭᠡᠷᠡᠴᠢ ᠤᠯᠭᠤᠬᠤ ᠬᠡᠷᠡᠭᠳᠠᠢ ᠪᠦᠭᠡᠳ ᠠᠷᠪᠠᠨ ᠲᠠᠪᠤᠨ ᠡᠳᠦᠷ ᠤᠨ ᠲᠤᠳᠤᠷ᠎ᠠ ᠬᠦᠳᠡᠯᠮᠤᠷᠢᠴᠢᠨ ᠳᠤ | ᠲᠠᠩᠰᠠ ᠡᠪᠬᠡᠮᠡᠯ ᠪᠠ ᠨᠡᠶᠢᠭᠡᠮ ᠤᠨ ᠲᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠬᠦ ᠭᠠᠷ ᠭᠦᠢᠴᠡᠳᠭᠡᠯ ᠢ ᠭᠦᠢᠴᠡᠳᠭᠡᠵᠤ ᠦᠭᠬᠦ ᠬᠡᠷᠡᠭᠳᠠᠢ᠃ | ᠬᠦᠳᠡᠯᠮᠤᠷᠢᠴᠢᠨ ᠬᠤᠶᠠᠷ ᠲᠠᠯ᠎ᠠ ᠶᠢᠨ ᠪᠤᠯᠵᠤᠯ ᠶᠤᠰᠤᠭᠠᠷ᠂ ᠠᠵᠢᠯ ᠲᠤᠰᠢᠶᠠᠬᠤ ᠪᠠ ᠬᠦᠯᠢᠶᠡᠨ ᠠᠪᠬᠤ ᠶᠢ ᠭᠦᠢᠴᠡᠳᠭᠡᠬᠦ ᠬᠡᠷᠡᠭᠳᠠᠢ᠃ ᠬᠦᠮᠦᠨ ᠬᠡᠷᠡᠭᠯᠡᠬᠦ | ᠨᠢᠭᠡᠴᠡ ᠲᠤᠰ ᠬᠠᠤᠯᠢ ᠶᠢᠨ ᠬᠤᠯᠪᠤᠬᠳᠠᠯ ᠪᠦᠬᠦᠢ ᠲᠤᠬᠳᠠᠭᠠᠯ ᠶᠤᠰᠤᠭᠠᠷ ᠬᠦᠳᠡᠯᠮᠤᠷᠢᠴᠢᠨ ᠳᠤ ᠠᠵᠤ ᠠᠬᠤᠢ ᠶᠢᠨ ᠨᠦᠬᠦᠪᠤᠷᠢ ᠦᠭᠬᠦ ᠶᠤᠰᠤᠳᠠᠢ ᠪᠠᠶᠢᠪᠠᠯ᠂ ᠠᠵᠢᠯ | ᠲᠤᠰᠢᠶᠠᠬᠤ ᠪᠠ ᠬᠦᠯᠢᠶᠡᠨ ᠠᠪᠬᠤ ᠶᠢ ᠭᠦᠢᠴᠡᠳᠭᠡᠬᠦ ᠦᠶ᠎ᠡ ᠳᠤ ᠦᠭᠬᠦ ᠬᠡᠷᠡᠭᠳᠠᠢ᠃ | ᠬᠦᠮᠦᠨ ᠬᠡᠷᠡᠭᠯᠡᠬᠦ ᠨᠢᠭᠡᠴᠡ ᠨᠢᠭᠡᠨᠳᠡ ᠬᠦᠴᠦᠨ ᠦᠭᠡᠢ ᠪᠤᠯᠭᠠᠬᠰᠠᠨ ᠪᠤᠶᠤ ᠲᠠᠭᠤᠰᠬᠠᠬᠰᠠᠨ ᠬᠦᠳᠡᠯᠮᠤᠷᠢ ᠶᠢᠨ ᠭᠡᠷ᠎ᠡ ᠶᠢᠨ ᠪᠢᠴᠢᠭ ᠢ ᠠᠳᠠᠬ ᠲᠠᠭᠠᠨ ᠬᠤᠶᠠᠷ | ᠵᠢᠯ ᠬᠠᠳᠠᠭᠠᠯᠠᠵᠤ ᠪᠠᠶᠢᠴᠠᠭᠠᠬᠤ ᠳᠤ ᠪᠡᠯᠡᠳᠭᠡᠬᠦ ᠬᠡᠷᠡᠭᠳᠠᠢ᠃ | | | ᠲᠠᠪᠤᠳᠤᠭᠠᠷ ᠪᠦᠯᠦᠭ ᠤᠨᠴᠠᠭᠠᠢ ᠲᠤᠬᠳᠠᠭᠠᠯ | | | ᠨᠢᠭᠡᠳᠤᠭᠡᠷ ᠬᠡᠰᠡᠭ ᠬᠠᠮᠳᠤ ᠶᠢᠨ ᠭᠡᠷ᠎ᠡ | | | ᠲᠠᠪᠢᠨ ᠨᠢᠭᠡᠳᠤᠭᠡᠷ ᠵᠦᠢᠯ ᠠᠵᠤ ᠠᠬᠤᠢᠢᠯᠠᠯ ᠤᠨ ᠠᠵᠢᠯᠴᠢᠨ ᠠᠵᠢᠯᠳᠡᠨ ᠤ ᠨᠢᠭᠡ ᠲᠠᠯ᠎ᠠ ᠬᠢᠭᠡᠳ ᠬᠦᠮᠦᠨ ᠬᠡᠷᠡᠭᠯᠡᠬᠦ ᠨᠢᠭᠡᠴᠡ ᠡᠷᠬᠡ ᠲᠡᠭᠰᠢ ᠪᠠᠷ | ᠵᠦᠪᠳᠡᠯᠴᠡᠬᠦ ᠪᠠᠷ ᠲᠠᠮᠵᠢᠭᠠᠳ᠂ ᠬᠦᠳᠡᠯᠮᠤᠷᠢ ᠶᠢᠨ ᠤᠯᠭᠤᠮᠵᠢ᠂ ᠠᠵᠢᠯᠯᠠᠬᠤ ᠴᠠᠬ᠂ ᠠᠮᠠᠷᠠᠯᠳᠠ ᠪᠠ ᠠᠮᠠᠷᠠᠯᠳᠠ ᠶᠢᠨ ᠴᠢᠯᠦᠭᠡ᠂ ᠬᠦᠳᠡᠯᠮᠤᠷᠢ ᠶᠢᠨ ᠠᠮᠤᠷ ᠲᠦᠪᠰᠢᠨ | ᠪᠠ ᠡᠷᠡᠭᠦᠯ ᠬᠠᠮᠠᠭᠠᠯᠠᠯ᠂ ᠲᠠᠭᠠᠳᠬᠠᠯ ᠠᠰᠠᠷᠠᠮᠵᠢ ᠵᠡᠷᠭᠡ ᠤᠴᠢᠷ ᠶᠠᠪᠤᠳᠠᠯ ᠤᠨ ᠲᠤᠬᠠᠢ ᠬᠠᠮᠳᠤ ᠶᠢᠨ ᠭᠡᠷ᠎ᠡ ᠲᠤᠬᠳᠠᠵᠤ ᠪᠤᠯᠤᠨ᠎ᠠ᠃ ᠬᠠᠮᠳᠤ ᠶᠢᠨ ᠭᠡᠷ᠎ᠡ ᠶᠢᠨ | ᠲᠦᠰᠦᠯ ᠢ ᠠᠵᠢᠯᠳᠡᠨ ᠠᠵᠢᠯᠴᠢᠨ ᠤ ᠲᠦᠯᠦᠭᠡᠯᠡᠭᠴᠢᠳ ᠤᠨ ᠶᠡᠭᠡ ᠬᠤᠷᠠᠯ ᠪᠤᠶᠤ ᠪᠦᠬᠦ ᠠᠵᠢᠯᠳᠡᠨ ᠠᠵᠢᠯᠴᠢᠨ ᠳᠤ ᠲᠡᠪᠰᠢᠭᠦᠯᠤᠨ ᠶᠠᠷᠢᠯᠴᠠᠭᠤᠯᠵᠤ ᠪᠠᠳᠤᠯᠠᠭᠤᠯᠬᠤ | ᠬᠡᠷᠡᠭᠳᠠᠢ᠃ | ᠬᠠᠮᠳᠤ ᠶᠢᠨ ᠭᠡᠷ᠎ᠡ ᠶᠢ ᠠᠵᠢᠯᠴᠢᠨ ᠤ ᠡᠪᠯᠡᠯ ᠠᠵᠤ ᠠᠬᠤᠢᠢᠯᠠᠯ ᠤᠨ ᠠᠵᠢᠯᠳᠡᠨ ᠠᠵᠢᠯᠴᠢᠨ ᠤ ᠨᠢᠭᠡ ᠲᠠᠯ᠎ᠠ ᠶᠢ ᠲᠦᠯᠦᠭᠡᠯᠡᠨ ᠬᠦᠮᠦᠨ ᠬᠡᠷᠡᠭᠯᠡᠬᠦ ᠨᠢᠭᠡᠴᠡ ᠲᠠᠢ | ᠲᠤᠬᠳᠠᠨ᠎ᠠ︔ ᠠᠵᠢᠯᠴᠢᠨ ᠤ ᠡᠪᠯᠡᠯ ᠢ ᠬᠠᠷᠠᠬᠠᠨ ᠪᠠᠶᠢᠭᠤᠯᠤᠭᠠᠳᠤᠢ ᠬᠦᠮᠦᠨ ᠬᠡᠷᠡᠭᠯᠡᠬᠦ ᠨᠢᠭᠡᠴᠡ ᠳᠤ ᠪᠤᠯ ᠲᠡᠭᠡᠳᠤ ᠱᠠᠳᠤᠨ ᠤ ᠬᠢᠨᠢ ᠠᠵᠢᠯᠴᠢᠨ ᠤ ᠡᠪᠯᠡᠯ ᠠᠴᠠ | ᠬᠦᠳᠡᠯᠮᠤᠷᠢᠴᠢᠨ ᠤ ᠲᠠᠨᠢᠯᠴᠠᠭᠤᠯᠤᠬᠰᠠᠨ ᠲᠦᠯᠦᠭᠡᠯᠡᠭᠴᠢ ᠶᠢ ᠵᠢᠭᠠᠨ ᠵᠢᠯᠤᠭᠤᠳᠴᠤ ᠪᠠᠶᠢᠭᠠᠳ ᠬᠦᠮᠦᠨ ᠬᠡᠷᠡᠭᠯᠡᠬᠦ ᠨᠢᠭᠡᠴᠡ ᠲᠠᠢ ᠲᠤᠬᠳᠠᠨ᠎ᠠ᠃ | ᠲᠠᠪᠢᠨ ᠬᠤᠶᠠᠳᠤᠭᠠᠷ ᠵᠦᠢᠯ ᠠᠵᠤ ᠠᠬᠤᠢᠢᠯᠠᠯ ᠤᠨ ᠠᠵᠢᠯᠳᠡᠨ ᠠᠵᠢᠯᠴᠢᠨ ᠤ ᠨᠢᠭᠡ ᠲᠠᠯ᠎ᠠ ᠨᠢ ᠬᠦᠮᠦᠨ ᠬᠡᠷᠡᠭᠯᠡᠬᠦ ᠨᠢᠭᠡᠴᠡ ᠲᠠᠢ ᠬᠦᠳᠡᠯᠮᠤᠷᠢ ᠶᠢᠨ ᠠᠮᠤᠷ | ᠲᠦᠪᠰᠢᠨ ᠪᠠ ᠡᠷᠡᠭᠦᠯ ᠬᠠᠮᠠᠭᠠᠯᠠᠯ᠂ ᠡᠮᠡᠭᠳᠠᠢ ᠠᠵᠢᠯᠳᠡᠨ ᠠᠵᠢᠯᠴᠢᠨ ᠤ ᠡᠷᠬᠡ ᠠᠰᠢᠬ ᠤᠨ ᠬᠠᠮᠠᠭᠠᠯᠠᠯ᠂ ᠴᠠᠯᠢᠩ ᠲᠤᠬᠢᠷᠠᠭᠤᠯᠬᠤ ᠲᠤᠬᠳᠠᠴᠠ ᠵᠡᠷᠭᠡ ᠲᠤᠰᠬᠠᠢ | ᠵᠦᠢᠯ ᠤᠨ ᠬᠠᠮᠳᠤ ᠶᠢᠨ ᠭᠡᠷ᠎ᠡ ᠶᠢ ᠲᠤᠬᠳᠠᠵᠤ ᠪᠤᠯᠤᠨ᠎ᠠ᠃ | ᠲᠠᠪᠢᠨ ᠭᠤᠷᠪᠠᠳᠤᠭᠠᠷ ᠵᠦᠢᠯ ᠰᠢᠶᠠᠨ ᠤ ᠱᠠᠳᠤᠨ ᠠᠴᠠ ᠲᠤᠭᠤᠬᠰᠢᠬᠢ ᠤᠷᠤᠨ ᠪᠦᠰᠡ ᠶᠢᠨ ᠲᠤᠳᠤᠷᠠᠬᠢ ᠪᠠᠷᠢᠯᠭ᠎ᠠ ᠶᠢᠨ ᠦᠢᠯᠡᠰ᠂ ᠠᠭᠤᠷᠬᠠᠢ ᠮᠠᠯᠳᠠᠬᠤ | ᠦᠢᠯᠡᠰ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠦᠢᠯᠡᠰ ᠵᠡᠷᠭᠡ ᠠᠵᠢᠯ ᠲᠦᠷᠦᠯ ᠳᠤ ᠠᠵᠢᠯᠴᠢᠨ ᠤ ᠡᠪᠯᠡᠯ ᠬᠢᠭᠡᠳ ᠠᠵᠤ ᠠᠬᠤᠢᠢᠯᠠᠯ ᠤᠨ ᠲᠠᠯ᠎ᠠ ᠶᠢᠨ | ᠲᠦᠯᠦᠭᠡᠯᠡᠭᠴᠢ ᠨᠢ ᠠᠵᠢᠯ ᠲᠦᠷᠦᠯ ᠤᠨ ᠴᠢᠨᠠᠷᠳᠠᠢ ᠬᠠᠮᠳᠤ ᠶᠢᠨ ᠭᠡᠷ᠎ᠡ ᠶᠢ ᠲᠤᠬᠳᠠᠬᠤ ᠪᠤᠶᠤ ᠤᠷᠤᠨ ᠪᠦᠰᠡ ᠶᠢᠨ ᠴᠢᠨᠠᠷᠳᠠᠢ ᠬᠠᠮᠳᠤ ᠶᠢᠨ ᠭᠡᠷ᠎ᠡ ᠲᠤᠬᠳᠠᠵᠤ ᠪᠤᠯᠤᠨ᠎ᠠ | ᠃ | ᠲᠠᠪᠢᠨ ᠲᠦᠷᠪᠡᠳᠤᠭᠡᠷ ᠵᠦᠢᠯ ᠬᠠᠮᠳᠤ ᠶᠢᠨ ᠭᠡᠷ᠎ᠡ ᠶᠢ ᠲᠤᠬᠳᠠᠬᠰᠠᠨ ᠤ ᠲᠠᠷᠠᠭ᠎ᠠ᠂ ᠬᠦᠳᠡᠯᠮᠤᠷᠢ ᠶᠢᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠲᠤ ᠮᠡᠳᠡᠭᠦᠯᠤᠨ | ᠬᠦᠷᠭᠡᠬᠦ ᠬᠡᠷᠡᠭᠳᠠᠢ︔ ᠬᠦᠳᠡᠯᠮᠤᠷᠢ ᠶᠢᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠨᠢ ᠬᠠᠮᠳᠤ ᠶᠢᠨ ᠭᠡᠷ᠎ᠡ ᠶᠢᠨ ᠪᠢᠴᠢᠭ ᠢ ᠤᠯᠵᠤ ᠠᠪᠤᠬᠰᠠᠨ ᠡᠳᠦᠷ ᠠᠴᠠ ᠡᠬᠢᠯᠡᠨ | ᠠᠷᠪᠠᠨ ᠲᠠᠪᠤᠨ ᠡᠳᠦᠷ ᠤᠨ ᠲᠤᠳᠤᠷ᠎ᠠ ᠤᠨᠳᠤᠤ ᠰᠠᠨᠠᠯ ᠭᠠᠷᠭᠠᠬᠰᠠᠨ ᠦᠭᠡᠢ ᠪᠠᠶᠢᠪᠠᠯ᠂ ᠬᠠᠮᠳᠤ ᠶᠢᠨ ᠭᠡᠷ᠎ᠡ ᠲᠠᠷᠤᠢ ᠬᠦᠴᠦᠨ ᠲᠠᠢ ᠪᠤᠯᠤᠨ᠎ᠠ᠃ | ᠬᠠᠤᠯᠢ ᠶᠤᠰᠤᠭᠠᠷ ᠲᠤᠬᠳᠠᠭᠠᠬᠰᠠᠨ ᠬᠠᠮᠳᠤ ᠶᠢᠨ ᠭᠡᠷ᠎ᠡ ᠨᠢ ᠬᠦᠮᠦᠨ ᠬᠡᠷᠡᠭᠯᠡᠬᠦ ᠨᠢᠭᠡᠴᠡ ᠪᠠ ᠬᠦᠳᠡᠯᠮᠤᠷᠢᠴᠢᠨ ᠳᠤ ᠬᠢᠵᠠᠭᠠᠷᠯᠠᠬᠤ ᠬᠦᠴᠦᠨ ᠲᠠᠢ᠃ ᠠᠵᠢᠯ | ᠲᠦᠷᠦᠯ ᠤᠨ ᠴᠢᠨᠠᠷᠳᠠᠢ᠂ ᠤᠷᠤᠨ ᠪᠦᠰᠡ ᠶᠢᠨ ᠴᠢᠨᠠᠷᠳᠠᠢ ᠬᠠᠮᠳᠤ ᠶᠢᠨ ᠭᠡᠷ᠎ᠡ ᠨᠢ ᠲᠤᠬᠠᠢ ᠶᠢᠨ ᠭᠠᠵᠠᠷ ᠤᠨ ᠲᠤᠰ ᠠᠵᠢᠯ ᠲᠦᠷᠦᠯ᠂ ᠲᠤᠰ ᠤᠷᠤᠨ ᠪᠦᠰᠡ ᠶᠢᠨ | ᠬᠦᠮᠦᠨ ᠬᠡᠷᠡᠭᠯᠡᠬᠦ ᠨᠢᠭᠡᠴᠡ ᠪᠠ ᠬᠦᠳᠡᠯᠮᠤᠷᠢᠴᠢᠨ ᠳᠤ ᠬᠢᠵᠠᠭᠠᠷᠯᠠᠬᠤ ᠬᠦᠴᠦᠨ ᠲᠠᠢ᠃ | ᠲᠠᠪᠢᠨ ᠲᠠᠪᠤᠳᠤᠭᠠᠷ ᠵᠦᠢᠯ ᠬᠠᠮᠳᠤ ᠶᠢᠨ ᠭᠡᠷ᠎ᠡ ᠶᠢᠨ ᠲᠤᠳᠤᠷᠠᠬᠢ ᠬᠦᠳᠡᠯᠮᠤᠷᠢ ᠶᠢᠨ ᠤᠯᠭᠤᠮᠵᠢ ᠪᠠ ᠬᠦᠳᠡᠯᠮᠤᠷᠢ ᠶᠢᠨ ᠨᠦᠬᠦᠴᠡᠯ ᠵᠡᠷᠭᠡ ᠪᠠᠷᠢᠮᠵᠢᠶ᠎ᠠ ᠨᠢ | ᠲᠤᠬᠠᠢ ᠶᠢᠨ ᠭᠠᠵᠠᠷ ᠤᠨ ᠠᠷᠠᠳ ᠤᠨ ᠵᠠᠰᠠᠬ ᠤᠨ ᠤᠷᠳᠤᠨ ᠤ ᠲᠤᠬᠳᠠᠭᠠᠬᠰᠠᠨ ᠨᠠᠭᠠᠳᠤ ᠵᠠᠬ᠎ᠠ ᠶᠢᠨ ᠪᠠᠷᠢᠮᠵᠢᠶ᠎ᠠ ᠠᠴᠠ ᠲᠤᠤᠷ᠎ᠠ ᠪᠠᠶᠢᠵᠤ ᠪᠤᠯᠬᠤ ᠦᠭᠡᠢ︔ ᠬᠦᠮᠦᠨ | ᠬᠡᠷᠡᠭᠯᠡᠬᠦ ᠨᠢᠭᠡᠴᠡ ᠶᠢᠨ ᠬᠦᠳᠡᠯᠮᠤᠷᠢᠴᠢᠨ ᠲᠠᠢ ᠲᠤᠬᠳᠠᠬᠰᠠᠨ ᠬᠦᠳᠡᠯᠮᠤᠷᠢ ᠶᠢᠨ ᠭᠡᠷ᠎ᠡ ᠶᠢᠨ ᠲᠤᠳᠤᠷᠠᠬᠢ ᠬᠦᠳᠡᠯᠮᠤᠷᠢ ᠶᠢᠨ ᠤᠯᠭᠤᠮᠵᠢ ᠪᠠ ᠬᠦᠳᠡᠯᠮᠤᠷᠢ ᠶᠢᠨ ᠨᠦᠬᠦᠴᠡᠯ | ᠵᠡᠷᠭᠡ ᠪᠠᠷᠢᠮᠵᠢᠶ᠎ᠠ ᠨᠢ ᠬᠠᠮᠳᠤ ᠶᠢᠨ ᠭᠡᠷ᠎ᠡ ᠳᠤ ᠲᠤᠬᠳᠠᠬᠰᠠᠨ ᠪᠠᠷᠢᠮᠵᠢᠶ᠎ᠠ ᠠᠴᠠ ᠲᠤᠤᠷ᠎ᠠ ᠪᠠᠶᠢᠵᠤ ᠪᠤᠯᠬᠤ ᠦᠭᠡᠢ᠃ | ᠲᠠᠪᠢᠨ ᠵᠢᠷᠭᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠡ ᠨᠢ ᠬᠠᠮᠳᠤ ᠶᠢᠨ ᠭᠡᠷ᠎ᠡ ᠶᠢ ᠵᠦᠷᠢᠴᠡᠵᠤ᠂ ᠠᠵᠢᠯᠳᠡᠨ ᠠᠵᠢᠯᠴᠢᠨ ᠤ ᠬᠦᠳᠡᠯᠮᠤᠷᠢ ᠶᠢᠨ ᠭᠡᠷ᠎ᠡ ᠶᠢᠨ | ᠡᠷᠬᠡ ᠠᠰᠢᠬ ᠲᠤ ᠬᠠᠯᠳᠠᠬᠰᠠᠨ ᠪᠠᠶᠢᠪᠠᠯ᠂ ᠠᠵᠢᠯᠴᠢᠨ ᠤ ᠡᠪᠯᠡᠯ ᠠᠴᠠ ᠬᠦᠮᠦᠨ ᠬᠡᠷᠡᠭᠯᠡᠬᠦ ᠨᠢᠭᠡᠴᠡ ᠪᠠᠷ ᠬᠠᠷᠢᠭᠤᠴᠠᠯᠭ᠎ᠠ ᠡᠭᠦᠷᠬᠡᠯᠡᠭᠦᠯᠬᠦ ᠶᠢ ᠬᠠᠤᠯᠢ ᠶᠤᠰᠤᠭᠠᠷ | ᠱᠠᠭᠠᠷᠳᠠᠵᠤ ᠪᠤᠯᠤᠨ᠎ᠠ︔ ᠬᠠᠮᠳᠤ ᠶᠢᠨ ᠭᠡᠷ᠎ᠡ ᠶᠢ ᠭᠦᠢᠴᠡᠳᠭᠡᠭᠰᠡᠨ ᠠᠴᠠ ᠪᠤᠯᠤᠭᠠᠳ ᠮᠠᠷᠭᠤᠭᠠᠨ ᠡᠭᠦᠰᠴᠤ᠂ ᠵᠦᠪᠳᠡᠯᠴᠡᠭᠡᠳ ᠰᠢᠢᠳᠪᠤᠷᠢᠯᠡᠵᠤ ᠲᠡᠶᠢᠯᠬᠦ ᠦᠭᠡᠢ | ᠪᠠᠶᠢᠪᠠᠯ᠂ ᠠᠵᠢᠯᠴᠢᠨ ᠤ ᠡᠪᠯᠡᠯ ᠬᠠᠤᠯᠢ ᠶᠤᠰᠤᠭᠠᠷ ᠬᠦᠨᠳᠡᠯᠡᠨ ᠠᠴᠠ ᠲᠠᠰᠤᠯᠠᠭᠤᠯᠬᠤ ᠭᠤᠶᠤᠴᠢᠯᠠᠯ ᠭᠠᠷᠭᠠᠵᠤ᠂ ᠵᠠᠭᠠᠯᠳᠤᠵᠤ ᠪᠤᠯᠤᠨ᠎ᠠ᠃ | | | ᠬᠤᠶᠠᠳᠤᠭᠠᠷ ᠬᠡᠰᠡᠭ ᠬᠦᠳᠡᠯᠮᠤᠷᠢ ᠬᠦᠴᠦ ᠲᠤᠮᠢᠯᠠᠬᠤ | | | ᠲᠠᠪᠢᠨ ᠲᠤᠯᠤᠳᠤᠭᠠᠷ ᠵᠦᠢᠯ ᠬᠦᠳᠡᠯᠮᠤᠷᠢ ᠬᠦᠴᠦ ᠲᠤᠮᠢᠯᠠᠬᠤ ᠠᠵᠢᠯ ᠢ ᠡᠷᠬᠢᠯᠡᠬᠦ ᠳᠤ ᠡᠷᠭᠡᠪᠰᠢ ᠲᠤᠤᠷᠠᠬᠢ ᠨᠦᠬᠦᠴᠡᠯ ᠢ ᠪᠦᠷᠢᠯᠳᠦᠬᠦᠯᠬᠦ ᠬᠡᠷᠡᠭᠲᠠᠢ᠄ | ︵ᠨᠢᠭᠡ︶ ᠲᠠᠩᠰᠠᠯᠠᠭᠤᠯᠤᠬᠰᠠᠨ ᠪᠡᠯᠡ ᠮᠦᠡᠭᠬᠦ ᠨᠢ ᠬᠤᠶᠠᠷ ᠵᠠᠭᠤᠨ ᠲᠦᠮᠡᠨ ᠲᠦᠭᠦᠷᠢᠭ ᠠᠴᠠ ᠲᠤᠳᠠᠭᠤ ᠪᠠᠶᠢᠵᠤ ᠪᠤᠯᠬᠤ ᠦᠭᠡᠢ︔ | ︵ᠬᠤᠶᠠᠷ︶ ᠠᠵᠢᠯ ᠦᠷᠨᠢᠬᠦᠯᠬᠦ ᠳᠤ ᠲᠤᠬᠢᠷᠠᠭᠰᠠᠨ ᠲᠤᠭᠳᠠᠮᠠᠯ ᠡᠵᠡᠩᠨᠡᠯᠳᠡ ᠶᠢᠨ ᠲᠠᠯᠠᠪᠤᠷ ᠪᠠ ᠲᠦᠬᠦᠭᠡᠷᠦᠮᠵᠢ ᠪᠠᠶᠢᠬᠤ ᠬᠡᠷᠡᠭᠲᠠᠢ︔ | ︵ᠭᠤᠷᠪᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠦᠷᠢᠮ ᠤᠨ ᠲᠤᠭᠳᠠᠭᠠᠯ ᠳᠤ ᠨᠡᠶᠢᠴᠡᠭᠰᠡᠨ ᠬᠦᠳᠡᠯᠮᠤᠷᠢ ᠬᠦᠴᠦ ᠲᠤᠮᠢᠯᠠᠬᠤ | ᠬᠠᠮᠢᠶᠠᠷᠤᠯᠳᠠ ᠶᠢᠨ ᠲᠦᠷᠢᠮ ᠪᠠᠶᠢᠬᠤ ᠬᠡᠷᠡᠭᠲᠠᠢ︔ | ︵ᠲᠦᠷᠪᠡ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠦᠷᠢᠮ ᠳᠤ ᠲᠤᠭᠳᠠᠭᠠᠭᠰᠠᠨ ᠪᠤᠰᠤᠳ ᠨᠦᠬᠦᠴᠡᠯ᠃ ᠬᠦᠳᠡᠯᠮᠤᠷᠢ ᠬᠦᠴᠦ ᠲᠤᠮᠢᠯᠠᠬᠤ | ᠠᠵᠢᠯ ᠢ ᠡᠷᠬᠢᠯᠡᠬᠦ ᠳᠤ ᠬᠦᠳᠡᠯᠮᠤᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠬᠠᠤᠯᠢ ᠶᠤᠰᠤᠭᠠᠷ ᠵᠠᠰᠠᠭ ᠵᠠᠬᠢᠷᠭᠠᠨ ᠤ ᠵᠦᠪᠰᠢᠶᠡᠷᠡᠯ ᠭᠤᠶᠤᠴᠢᠯᠠᠬᠤ ᠬᠡᠷᠡᠭᠲᠠᠢ᠃ | ᠵᠦᠪᠰᠢᠶᠡᠷᠡᠬᠦᠯᠦᠭᠰᠡᠨ ᠪᠠᠶᠢᠪᠠᠯ᠂ ᠬᠠᠤᠯᠢ ᠶᠤᠰᠤᠭᠠᠷ ᠬᠠᠷᠠᠭᠠᠯᠵᠠᠭᠰᠠᠨ ᠺᠤᠮᠫᠠᠨᠢ ᠶᠢᠨ ᠲᠠᠩᠰᠠᠯᠠᠯᠳᠠ ᠶᠢ ᠬᠦᠢᠴᠡᠳᠭᠡᠨ᠎ᠡ᠃ ᠵᠦᠪᠰᠢᠶᠡᠷᠡᠬᠦᠯᠦᠭᠰᠡᠨ ᠦᠭᠡᠢ ᠪᠤᠯ᠂ | ᠶᠠᠮᠠᠷᠪᠠ ᠨᠢᠭᠡᠴᠡ ᠪᠠ ᠬᠤᠪᠢ ᠬᠦᠮᠦᠨ ᠬᠦᠳᠡᠯᠮᠤᠷᠢ ᠬᠦᠴᠦ ᠲᠤᠮᠢᠯᠠᠬᠤ ᠠᠵᠢᠯ ᠢ ᠡᠷᠬᠢᠯᠡᠵᠦ ᠪᠤᠯᠬᠤ ᠦᠭᠡᠢ᠃ | ᠲᠠᠪᠢᠨ ᠨᠠᠢᠮᠠᠳᠤᠭᠠᠷ ᠵᠦᠢᠯ ᠬᠦᠳᠡᠯᠮᠤᠷᠢ ᠬᠦᠴᠦ ᠲᠤᠮᠢᠯᠠᠬᠤ ᠨᠢᠭᠡᠴᠡ ᠭᠡᠳᠡᠭ ᠪᠤᠯ ᠲᠤᠰ ᠬᠠᠤᠯᠢ ᠳᠤ ᠬᠡᠯᠡᠵᠤ ᠪᠠᠶᠢᠭ᠎ᠠ ᠬᠦᠮᠦᠨ ᠬᠡᠷᠡᠭᠯᠡᠬᠦ ᠨᠢᠭᠡᠴᠡ ᠪᠤᠯᠤᠨ᠎ᠠ᠂ | ᠲᠡᠷᠡ ᠨᠢ ᠬᠦᠮᠦᠨ ᠬᠡᠷᠡᠭᠯᠡᠬᠦ ᠨᠢᠭᠡᠴᠡ ᠶᠢᠨ ᠬᠦᠳᠡᠯᠮᠤᠷᠢᠴᠢᠨ ᠳᠤ ᠡᠭᠦᠷᠬᠡᠯᠡᠬᠦ ᠡᠭᠦᠷᠭᠡ ᠶᠢ ᠭᠦᠢᠴᠡᠳᠭᠡᠬᠦ ᠬᠡᠷᠡᠭᠳᠠᠢ᠃ | ᠬᠦᠳᠡᠯᠮᠤᠷᠢ ᠬᠦᠴᠦ ᠲᠤᠮᠢᠯᠠᠬᠤ ᠨᠢᠭᠡᠴᠡ ᠶᠢᠨ ᠲᠤᠮᠢᠯᠠᠬᠳᠠᠬᠤ ᠬᠦᠳᠡᠯᠮᠤᠷᠢᠴᠢᠨ ᠲᠠᠢ ᠲᠤᠬᠳᠠᠬᠰᠠᠨ ᠬᠦᠳᠡᠯᠮᠤᠷᠢ ᠶᠢᠨ ᠭᠡᠷ᠎ᠡ ᠳᠤ ᠲᠤᠰ ᠬᠠᠤᠯᠢ ᠶᠢᠨ ᠠᠷᠪᠠᠨ | ᠲᠤᠯᠤᠳᠤᠭᠠᠷ ᠵᠦᠢᠯ ᠳᠤ ᠲᠤᠬᠳᠠᠭᠠᠬᠰᠠᠨ ᠵᠦᠢᠯ ᠢ ᠲᠤᠳᠤᠷᠬᠠᠢᠢᠯᠠᠬᠤ ᠠᠴᠠ ᠭᠠᠳᠠᠨ᠎ᠠ ᠪᠠᠰᠠ ᠲᠤᠮᠢᠯᠠᠬᠳᠠᠬᠤ ᠬᠦᠳᠡᠯᠮᠤᠷᠢᠴᠢᠨ ᠢ ᠬᠡᠷᠡᠭᠯᠡᠬᠦ ᠨᠢᠭᠡᠴᠡ ᠬᠢᠭᠡᠳ ᠲᠤᠮᠢᠯᠠᠬᠤ | ᠬᠤᠭᠤᠴᠠᠭ᠎ᠠ᠂ ᠠᠵᠢᠯ ᠤᠨ ᠪᠠᠶᠢᠷᠢ ᠵᠡᠷᠭᠡ ᠪᠠᠶᠢᠳᠠᠯ ᠢ ᠲᠤᠳᠤᠷᠬᠠᠢᠢᠯᠠᠬᠤ ᠬᠡᠷᠡᠭᠳᠠᠢ᠃ | ᠬᠦᠳᠡᠯᠮᠤᠷᠢ ᠬᠦᠴᠦ ᠲᠤᠮᠢᠯᠠᠬᠤ ᠨᠢᠭᠡᠴᠡ ᠨᠢ ᠲᠤᠮᠢᠯᠠᠬᠳᠠᠬᠤ ᠬᠦᠳᠡᠯᠮᠤᠷᠢᠴᠢᠨ ᠲᠠᠢ ᠬᠤᠶᠠᠷ ᠵᠢᠯ ᠠᠴᠠ ᠲᠡᠭᠡᠭᠰᠢ ᠲᠤᠬᠳᠠᠮᠠᠯ ᠬᠤᠭᠤᠴᠠᠭ᠎ᠠ ᠲᠠᠢ | ᠬᠦᠳᠡᠯᠮᠤᠷᠢ ᠶᠢᠨ ᠭᠡᠷ᠎ᠡ ᠲᠤᠬᠳᠠᠵᠤ᠂ ᠰᠠᠷ᠎ᠠ ᠪᠠᠷ ᠪᠤᠳᠤᠵᠤ ᠬᠦᠳᠡᠯᠮᠤᠷᠢ ᠶᠢᠨ ᠤᠯᠭᠤᠮᠵᠢ ᠦᠭᠬᠦ ᠬᠡᠷᠡᠭᠳᠠᠢ︔ ᠲᠤᠮᠢᠯᠠᠬᠳᠠᠬᠰᠠᠨ ᠬᠦᠳᠡᠯᠮᠤᠷᠢᠴᠢᠨ ᠠᠵᠢᠯ ᠦᠭᠡᠢ | ᠪᠠᠶᠢᠬᠤ ᠬᠤᠭᠤᠴᠠᠭᠠᠨ ᠳᠤ ᠬᠦᠳᠡᠯᠮᠤᠷᠢ ᠬᠦᠴᠦ ᠲᠤᠮᠢᠯᠠᠬᠤ ᠨᠢᠭᠡᠴᠡ ᠨᠢ ᠰᠠᠭᠤᠭ᠎ᠠ ᠭᠠᠵᠠᠷ ᠤᠨ ᠢᠶᠠᠨ ᠠᠷᠠᠳ ᠤᠨ ᠵᠠᠰᠠᠬ ᠤᠨ ᠤᠷᠳᠤᠨ ᠤ ᠲᠤᠬᠳᠠᠭᠠᠬᠰᠠᠨ ᠨᠠᠭᠠᠳᠤ | ᠵᠠᠬ᠎ᠠ ᠶᠢᠨ ᠴᠠᠯᠢᠩ ᠤᠨ ᠪᠠᠷᠢᠮᠵᠢᠶ᠎ᠠ ᠶᠤᠰᠤᠭᠠᠷ ᠬᠦᠳᠡᠯᠮᠤᠷᠢᠴᠢᠨ ᠳᠤ ᠰᠠᠷ᠎ᠠ ᠪᠠᠷ ᠪᠤᠳᠤᠵᠤ ᠤᠯᠭᠤᠮᠵᠢ ᠦᠭᠬᠦ ᠬᠡᠷᠡᠭᠳᠠᠢ᠃ | ᠲᠠᠪᠢ ᠶᠢᠰᠦᠳᠦᠭᠡᠷ ᠵᠦᠢᠯ ᠬᠦᠳᠡᠯᠮᠤᠷᠢ ᠬᠦᠴᠦ ᠲᠤᠮᠢᠯᠠᠬᠤ ᠨᠢᠭᠡᠴᠡ ᠶᠢᠨ ᠲᠤᠮᠢᠯᠠᠬᠰᠠᠨ ᠬᠦᠳᠡᠯᠮᠤᠷᠢᠴᠢᠨ ᠬᠦᠳᠡᠯᠮᠤᠷᠢ ᠬᠦᠴᠦ ᠲᠤᠮᠢᠯᠠᠬᠤ ᠬᠡᠯᠪᠡᠷᠢ ᠪᠠᠷ | ᠬᠦᠯᠢᠶᠡᠨ ᠠᠪᠤᠬᠰᠠᠨ ᠠᠵᠢᠯᠴᠢᠨ ᠬᠡᠷᠡᠭᠯᠡᠬᠦ ᠨᠢᠭᠡᠴᠡ ︵ᠲᠤᠷᠤᠬᠰᠢ ᠠᠵᠢᠯᠴᠢᠨ ᠬᠡᠷᠡᠭᠯᠡᠬᠦ ᠨᠢᠭᠡᠴᠡ ᠭᠡᠵᠤ ᠨᠡᠷᠡᠯᠡᠨ᠎ᠡ︶ ᠲᠠᠢ ᠬᠦᠳᠡᠯᠮᠤᠷᠢ ᠬᠦᠴᠦ ᠲᠤᠮᠢᠯᠠᠬᠤ | ᠬᠡᠯᠡᠯᠴᠡᠭᠡᠷ ᠲᠤᠬᠳᠠᠬᠤ ᠬᠡᠷᠡᠭᠳᠠᠢ᠃ ᠬᠦᠳᠡᠯᠮᠤᠷᠢ ᠬᠦᠴᠦ ᠲᠤᠮᠢᠯᠠᠬᠤ ᠬᠡᠯᠡᠯᠴᠡᠭᠡᠷ ᠲᠤ ᠲᠤᠮᠢᠯᠠᠬᠤ ᠠᠵᠢᠯ ᠤᠨ ᠪᠠᠶᠢᠷᠢ ᠪᠠ ᠠᠵᠢᠯᠳᠡᠨ ᠤ ᠲᠤᠭ᠎ᠠ᠂ ᠲᠤᠮᠢᠯᠠᠬᠤ | ᠬᠤᠭᠤᠴᠠᠭ᠎ᠠ᠂ ᠬᠦᠳᠡᠯᠮᠤᠷᠢ ᠶᠢᠨ ᠤᠯᠭᠤᠮᠵᠢ ᠪᠠ ᠨᠡᠶᠢᠭᠡᠮ ᠤᠨ ᠲᠠᠭᠠᠳᠬᠠᠯ ᠤᠨ ᠰᠦᠢᠳᠭᠡᠯ ᠤᠨ ᠲᠤᠭ᠎ᠠ ᠵᠢᠴᠢ ᠦᠭᠬᠦ ᠠᠷᠭ᠎ᠠ ᠮᠠᠶ᠋ᠢᠬ᠂ ᠬᠡᠯᠡᠯᠴᠡᠭᠡᠷ ᠠᠴᠠ | ᠵᠦᠷᠢᠴᠡᠭᠰᠡᠨ ᠬᠠᠷᠢᠭᠤᠴᠠᠯᠭ᠎ᠠ ᠶᠢ ᠪᠤᠯᠵᠤᠨ ᠲᠤᠬᠳᠠᠬᠤ ᠬᠡᠷᠡᠭᠳᠠᠢ᠃ | ᠠᠵᠢᠯᠴᠢᠨ ᠬᠡᠷᠡᠭᠯᠡᠬᠦ ᠨᠢᠭᠡᠴᠡ ᠨᠢ ᠠᠵᠢᠯ ᠤᠨ ᠪᠠᠶᠢᠷᠢ ᠶᠢᠨ ᠪᠤᠳᠠᠳᠤ ᠬᠡᠷᠡᠭᠴᠡᠭᠡ ᠪᠠᠨ ᠦᠨᠳᠦᠰᠦᠯᠡᠨ ᠬᠦᠳᠡᠯᠮᠤᠷᠢ ᠬᠦᠴᠦ ᠲᠤᠮᠢᠯᠠᠬᠤ ᠨᠢᠭᠡᠴᠡ ᠲᠠᠢ ᠲᠤᠮᠢᠯᠠᠬᠤ | ᠬᠤᠭᠤᠴᠠᠭ᠎ᠠ ᠶᠢ ᠲᠤᠬᠳᠠᠬᠤ ᠬᠡᠷᠡᠭᠳᠠᠢ᠂ ᠦᠷᠭᠦᠯᠵᠢᠯᠡᠭᠰᠡᠨ ᠠᠵᠢᠯᠴᠢᠨ ᠬᠡᠷᠡᠭᠯᠡᠬᠦ ᠬᠤᠭᠤᠴᠠᠭ᠎ᠠ ᠶᠢ ᠰᠠᠯᠭᠠᠭᠠᠳ ᠬᠡᠳᠦ ᠬᠡᠳᠦᠨ ᠤᠬᠤᠷᠬᠠᠨ ᠬᠤᠭᠤᠴᠠᠭᠠᠨ ᠤ | ᠬᠦᠳᠡᠯᠮᠤᠷᠢ ᠬᠦᠴᠦ ᠲᠤᠮᠢᠯᠠᠬᠤ ᠬᠡᠯᠡᠯᠴᠡᠭᠡᠷ ᠪᠤᠯᠭᠠᠨ ᠲᠤᠬᠳᠠᠭᠠᠵᠤ ᠪᠤᠯᠬᠤ ᠦᠭᠡᠢ᠃ | ᠵᠢᠷᠠᠳᠤᠭᠠᠷ ᠵᠦᠢᠯ ᠬᠦᠳᠡᠯᠮᠤᠷᠢ ᠬᠦᠴᠦ ᠲᠤᠮᠢᠯᠠᠬᠤ ᠨᠢᠭᠡᠴᠡ ᠨᠢ ᠬᠦᠳᠡᠯᠮᠤᠷᠢ ᠬᠦᠴᠦ ᠲᠤᠮᠢᠯᠠᠬᠤ ᠬᠡᠯᠡᠯᠴᠡᠭᠡᠷ ᠤᠨ ᠠᠭᠤᠯᠭ᠎ᠠ ᠶᠢ ᠲᠤᠮᠢᠯᠠᠬᠳᠠᠬᠤ | ᠬᠦᠳᠡᠯᠮᠤᠷᠢᠴᠢᠨ ᠳᠤ ᠮᠡᠳᠡᠭᠳᠡᠬᠦ ᠬᠡᠷᠡᠭᠳᠠᠢ᠃ ᠬᠦᠳᠡᠯᠮᠤᠷᠢ ᠬᠦᠴᠦ ᠲᠤᠮᠢᠯᠠᠬᠤ ᠨᠢᠭᠡᠴᠡ ᠨᠢ ᠠᠵᠢᠯᠴᠢᠨ ᠬᠡᠷᠡᠭᠯᠡᠬᠦ ᠨᠢᠭᠡᠴᠡ ᠠᠴᠠ ᠬᠦᠳᠡᠯᠮᠤᠷᠢ ᠬᠦᠴᠦ ᠲᠤᠮᠢᠯᠠᠬᠤ | ᠬᠡᠯᠡᠯᠴᠡᠭᠡᠷ ᠶᠤᠰᠤᠭᠠᠷ ᠲᠤᠮᠢᠯᠠᠬᠳᠠᠬᠤ ᠬᠦᠳᠡᠯᠮᠤᠷᠢᠴᠢᠨ ᠳᠤ ᠦᠭᠬᠦᠭᠰᠡᠨ ᠬᠦᠳᠡᠯᠮᠤᠷᠢ ᠶᠢᠨ ᠤᠯᠭᠤᠮᠵᠢ ᠶᠢ ᠰᠠᠭᠤᠳᠬᠠᠨ ᠠᠪᠴᠤ ᠪᠤᠯᠬᠤ ᠦᠭᠡᠢ᠃ ᠬᠦᠳᠡᠯᠮᠤᠷᠢ | ᠬᠦᠴᠦ ᠲᠤᠮᠢᠯᠠᠬᠤ ᠨᠢᠭᠡᠴᠡ ᠪᠠ ᠠᠵᠢᠯᠴᠢᠨ ᠬᠡᠷᠡᠭᠯᠡᠬᠦ ᠨᠢᠭᠡᠴᠡ ᠨᠢ ᠲᠤᠮᠢᠯᠠᠬᠳᠠᠬᠰᠠᠨ ᠬᠦᠳᠡᠯᠮᠤᠷᠢᠴᠢᠨ ᠠᠴᠠ ᠰᠦᠢᠳᠭᠡᠯ ᠬᠤᠷᠢᠶᠠᠨ ᠠᠪᠴᠤ ᠪᠤᠯᠬᠤ ᠦᠭᠡᠢ᠃ | ᠵᠢᠷᠠᠨ ᠨᠢᠭᠡᠳᠤᠭᠡᠷ ᠵᠦᠢᠯ ᠬᠦᠳᠡᠯᠮᠤᠷᠢ ᠬᠦᠴᠦ ᠲᠤᠮᠢᠯᠠᠬᠤ ᠨᠢᠭᠡᠴᠡ ᠨᠢ ᠭᠠᠵᠠᠷ ᠤᠷᠤᠨ ᠠᠯᠤᠰᠯᠠᠨ ᠬᠦᠳᠡᠯᠮᠤᠷᠢᠴᠢᠨ ᠢ ᠲᠤᠮᠢᠯᠠᠬᠰᠠᠨ ᠪᠠᠶᠢᠪᠠᠯ᠂ | ᠲᠤᠮᠢᠯᠠᠬᠳᠠᠬᠰᠠᠨ ᠬᠦᠳᠡᠯᠮᠤᠷᠢᠴᠢᠨ ᠤ ᠡᠳ᠋ᠯᠡᠬᠦ ᠬᠦᠳᠡᠯᠮᠤᠷᠢ ᠶᠢᠨ ᠤᠯᠭᠤᠮᠵᠢ ᠪᠠ ᠬᠦᠳᠡᠯᠮᠤᠷᠢ ᠶᠢᠨ ᠨᠦᠬᠦᠴᠡᠯ ᠢ ᠠᠵᠢᠯᠴᠢᠨ ᠬᠡᠷᠡᠭᠯᠡᠬᠦ ᠨᠢᠭᠡᠴᠡ ᠶᠢᠨ ᠰᠠᠭᠤᠭ᠎ᠠ | ᠭᠠᠵᠠᠷ ᠤᠨ ᠪᠠᠷᠢᠮᠵᠢᠶ᠎ᠠ ᠶᠤᠰᠤᠭᠠᠷ ᠬᠡᠷᠡᠭᠵᠢᠭᠦᠯᠬᠦ ᠬᠡᠷᠡᠭᠳᠠᠢ᠃ | ᠵᠢᠷᠠᠨ ᠬᠤᠶᠠᠳᠤᠭᠠᠷ ᠵᠦᠢᠯ ᠠᠵᠢᠯᠴᠢᠨ ᠬᠡᠷᠡᠭᠯᠡᠬᠦ ᠨᠢᠭᠡᠴᠡ ᠨᠢ ᠲᠤᠤᠷ᠎ᠠ ᠵᠢᠬᠰᠠᠭᠠᠬᠰᠠᠨ ᠡᠭᠦᠷᠭᠡ ᠨᠦᠭᠦᠳ ᠢ ᠭᠦᠢᠴᠡᠳᠭᠡᠬᠦ ᠬᠡᠷᠡᠭᠳᠠᠢ᠄ | ︵ᠨᠢᠭᠡ︶ ᠤᠯᠤᠰ ᠤᠨ ᠬᠦᠳᠡᠯᠮᠤᠷᠢ ᠶᠢᠨ ᠪᠠᠷᠢᠮᠵᠢᠶ᠎ᠠ ᠶᠢ ᠬᠡᠷᠡᠭᠵᠢᠭᠦᠯᠵᠤ᠂ ᠵᠤᠬᠢᠴᠠᠩᠭᠤᠢ ᠬᠦᠳᠡᠯᠮᠤᠷᠢ ᠶᠢᠨ ᠨᠦᠬᠦᠴᠡᠯ ᠪᠠ ᠬᠦᠳᠡᠯᠮᠤᠷᠢ ᠶᠢᠨ ᠬᠠᠮᠠᠭᠠᠯᠠᠯᠳᠠ ᠶᠢ | ᠬᠠᠩᠭᠠᠨ᠎ᠠ︔ | ︵ᠬᠤᠶᠠᠷ︶ ᠲᠤᠮᠢᠯᠠᠬᠳᠠᠬᠰᠠᠨ ᠬᠦᠳᠡᠯᠮᠤᠷᠢᠴᠢᠨ ᠳᠤ ᠠᠵᠢᠯ ᠤᠨ ᠱᠠᠭᠠᠷᠳᠠᠯᠭ᠎ᠠ ᠪᠠ ᠬᠦᠳᠡᠯᠮᠤᠷᠢ ᠶᠢᠨ ᠤᠯᠭᠤᠮᠵᠢ ᠶᠢ ᠮᠡᠳᠡᠭᠳᠡᠨ᠎ᠡ︔ | ︵ᠭᠤᠷᠪᠠ︶ ᠴᠠᠬ ᠨᠡᠮᠡᠵᠤ ᠠᠵᠢᠯᠯᠠᠬᠰᠠᠨ ᠮᠦᠡᠭᠬᠦ᠂ ᠠᠮᠵᠢᠯᠳᠠ ᠪᠦᠳᠦᠮᠵᠢ ᠶᠢᠨ ᠱᠠᠩᠨᠠᠯ ᠤᠨ ᠮᠦᠡᠭᠬᠦ ᠦᠭᠴᠤ᠂ ᠠᠵᠢᠯ ᠤᠨ ᠪᠠᠶᠢᠷᠢ ᠲᠠᠢ ᠨᠢ | ᠬᠤᠯᠪᠤᠬᠳᠠᠯ ᠲᠠᠢ ᠠᠰᠠᠷᠠᠮᠵᠢ ᠬᠠᠷᠠᠭᠠᠯᠵᠠᠯ ᠢ ᠬᠠᠩᠭᠠᠨ᠎ᠠ︔ | ︵ᠲᠦᠷᠪᠡ︶ ᠠᠵᠢᠯ ᠤᠨ ᠪᠠᠶᠢᠷᠢᠨ ᠳᠤ ᠪᠠᠶᠢᠭ᠎ᠠ ᠲᠤᠮᠢᠯᠠᠬᠳᠠᠬᠰᠠᠨ ᠬᠦᠳᠡᠯᠮᠤᠷᠢᠴᠢᠨ ᠢ ᠠᠵᠢᠯ ᠤᠨ ᠪᠠᠶᠢᠷᠢ ᠶᠢᠨ ᠴᠢᠬᠤᠯᠠ ᠪᠦᠬᠦᠢ ᠪᠤᠯᠪᠠᠰᠤᠷᠠᠯ ᠬᠢᠯᠭᠡᠨ᠎ᠡ︔ | ︵ᠲᠠᠪᠤ︶ ᠦᠷᠭᠦᠯᠵᠢᠯᠡᠨ ᠠᠵᠢᠯᠴᠢᠨ ᠬᠡᠷᠡᠭᠯᠡᠪᠡᠯ᠂ ᠬᠡᠪ ᠤᠨ ᠴᠠᠯᠢᠩ ᠲᠤᠬᠢᠷᠠᠭᠤᠯᠬᠤ ᠲᠤᠬᠳᠠᠴᠠ ᠶᠢ ᠬᠡᠷᠡᠭᠵᠢᠭᠦᠯᠤᠨ᠎ᠡ᠃ ᠠᠵᠢᠯᠴᠢᠨ ᠬᠡᠷᠡᠭᠯᠡᠬᠦ ᠨᠢᠭᠡᠴᠡ ᠨᠢ | ᠲᠤᠮᠢᠯᠠᠬᠳᠠᠬᠰᠠᠨ ᠬᠦᠳᠡᠯᠮᠤᠷᠢᠴᠢᠨ ᠢ ᠪᠤᠰᠤᠳ ᠬᠦᠮᠦᠨ ᠬᠡᠷᠡᠭᠯᠡᠬᠦ ᠨᠢᠭᠡᠴᠡ ᠳᠤ ᠲᠠᠬᠢᠨ ᠲᠤᠮᠢᠯᠠᠵᠤ ᠪᠤᠯᠬᠤ ᠦᠭᠡᠢ᠃ | ᠵᠢᠷᠠᠨ ᠭᠤᠷᠪᠠᠳᠤᠭᠠᠷ ᠵᠦᠢᠯ ᠲᠤᠮᠢᠯᠠᠬᠳᠠᠬᠰᠠᠨ ᠬᠦᠳᠡᠯᠮᠤᠷᠢᠴᠢᠨ ᠨᠢ ᠠᠵᠢᠯᠴᠢᠨ ᠬᠡᠷᠡᠭᠯᠡᠬᠦ ᠨᠢᠭᠡᠴᠡ ᠶᠢᠨ ᠬᠦᠳᠡᠯᠮᠤᠷᠢᠴᠢᠨ ᠲᠠᠢ ᠠᠳᠠᠯᠢ ᠠᠵᠢᠯ ᠳᠤ ᠠᠳᠠᠯᠢ | ᠤᠯᠭᠤᠮᠵᠢ ᠤᠯᠬᠤ ᠡᠷᠬᠡ ᠲᠠᠢ᠃ ᠠᠵᠢᠯᠴᠢᠨ ᠬᠡᠷᠡᠭᠯᠡᠬᠦ ᠨᠢᠭᠡᠴᠡ ᠠᠳᠠᠯᠢ ᠠᠵᠢᠯ ᠳᠤ ᠠᠳᠠᠯᠢ ᠤᠯᠭᠤᠮᠵᠢ ᠤᠯᠭᠤᠬᠤ ᠵᠠᠷᠴᠢᠮ ᠢᠶᠠᠷ ᠲᠤᠮᠢᠯᠠᠬᠳᠠᠬᠰᠠᠨ | ᠬᠦᠳᠡᠯᠮᠤᠷᠢᠴᠢᠨ ᠳᠤ ᠲᠤᠰ ᠨᠢᠭᠡᠴᠡ ᠶᠢᠨ ᠠᠳᠠᠯᠢ ᠲᠦᠷᠦᠯ ᠤᠨ ᠠᠵᠢᠯ ᠤᠨ ᠪᠠᠶᠢᠷᠢ ᠶᠢᠨ ᠬᠦᠳᠡᠯᠮᠤᠷᠢᠴᠢᠨ ᠲᠠᠢ ᠠᠳᠠᠯᠢ ᠬᠦᠳᠡᠯᠮᠤᠷᠢ ᠶᠢᠨ ᠤᠯᠭᠤᠮᠵᠢ ᠤᠯᠭᠤᠬᠤ | ᠠᠷᠭ᠎ᠠ ᠭᠡᠷᠡᠭᠵᠢᠬᠦᠯᠦᠨ᠎ᠡ᠃ ᠠᠵᠢᠯᠴᠢᠨ ᠬᠡᠷᠡᠭᠯᠡᠬᠦ ᠨᠢᠭᠡᠴᠡ ᠳᠤ ᠠᠳᠠᠯᠢ ᠲᠦᠷᠦᠯ ᠤᠨ ᠠᠵᠢᠯ ᠤᠨ ᠪᠠᠶᠢᠷᠢ ᠶᠢᠨ ᠬᠦᠳᠡᠯᠮᠤᠷᠢᠴᠢᠨ ᠪᠠᠶᠢᠬᠤ ᠦᠭᠡᠢ ᠪᠤᠯ ᠠᠵᠢᠯᠴᠢᠨ | ᠬᠡᠷᠡᠭᠯᠡᠬᠦ ᠨᠢᠭᠡᠴᠡ ᠶᠢᠨ ᠰᠠᠭᠤᠭ᠎ᠠ ᠭᠠᠵᠠᠷ ᠤᠨ ᠠᠳᠠᠯᠢ ᠪᠤᠶᠤ ᠠᠳᠠᠯᠢᠪᠳᠤᠷ ᠠᠵᠢᠯ ᠤᠨ ᠪᠠᠶᠢᠷᠢ ᠶᠢᠨ ᠬᠦᠳᠡᠯᠮᠤᠷᠢᠴᠢᠨ ᠤ ᠬᠦᠳᠡᠯᠮᠤᠷᠢ ᠶᠢᠨ ᠤᠯᠭᠤᠮᠵᠢ ᠪᠠᠷ ᠯᠠᠪᠯᠠᠯᠳᠠ | ᠪᠤᠯᠭᠠᠵᠤ ᠲᠤᠬᠳᠠᠭᠠᠨ᠎ᠠ᠃ | ᠬᠦᠳᠡᠯᠮᠤᠷᠢ ᠬᠦᠴᠦ ᠲᠤᠮᠢᠯᠠᠬᠤ ᠨᠢᠭᠡᠴᠡ ᠨᠢ ᠲᠤᠮᠢᠯᠠᠬᠳᠠᠬᠰᠠᠨ ᠬᠦᠳᠡᠯᠮᠤᠷᠢᠴᠢᠨ ᠲᠠᠢ ᠲᠤᠭᠳᠠᠭᠠᠭᠰᠠᠨ ᠬᠦᠳᠡᠯᠮᠤᠷᠢ ᠶᠢᠨ ᠭᠡᠷ᠎ᠡ ᠪᠠ ᠠᠵᠢᠯᠴᠢᠨ ᠬᠡᠷᠡᠭᠯᠡᠬᠦ | ᠨᠢᠭᠡᠴᠡ ᠲᠠᠢ ᠲᠤᠭᠳᠠᠭᠠᠭᠰᠠᠨ ᠬᠦᠳᠡᠯᠮᠤᠷᠢ ᠬᠦᠴᠦ ᠲᠤᠮᠢᠯᠠᠬᠤ ᠭᠡᠯᠡᠯᠴᠡᠭᠡᠷ ᠲᠤ ᠲᠤᠭᠳᠠᠭᠰᠠᠨ ᠪᠤᠶᠤ ᠪᠤᠯᠵᠤᠭᠰᠠᠨ ᠲᠤᠮᠢᠯᠠᠬᠳᠠᠬᠰᠠᠨ ᠬᠦᠳᠡᠯᠮᠤᠷᠢᠴᠢᠨ ᠳᠤ ᠤᠯᠭᠤᠬᠤ | ᠬᠦᠳᠡᠯᠮᠤᠷᠢ ᠶᠢᠨ ᠤᠯᠭᠤᠮᠵᠢ ᠨᠢ ᠡᠮᠦᠨᠡᠬᠢ ᠵᠤᠷᠪᠤᠰ ᠤᠨ ᠲᠤᠭᠳᠠᠭᠠᠯ ᠳᠤ ᠨᠡᠶᠢᠴᠡᠬᠦ ᠬᠡᠷᠡᠭᠲᠠᠢ᠃ | ᠵᠢᠷᠠᠨ ᠲᠦᠷᠪᠡᠳᠦᠭᠡᠷ ᠵᠦᠢᠯ ᠲᠤᠮᠢᠯᠠᠬᠳᠠᠬᠰᠠᠨ ᠬᠦᠳᠡᠯᠮᠤᠷᠢᠴᠢᠨ ᠨᠢ ᠬᠦᠳᠡᠯᠮᠤᠷᠢ ᠬᠦᠴᠦ ᠲᠤᠮᠢᠯᠠᠬᠤ ᠨᠢᠭᠡᠴᠡ ᠪᠤᠶᠤ ᠠᠵᠢᠯᠴᠢᠨ ᠬᠡᠷᠡᠭᠯᠡᠬᠦ ᠨᠢᠭᠡᠴᠡ ᠶᠢᠨ | ᠠᠵᠢᠯᠴᠢᠨ ᠤ ᠡᠪᠯᠡᠯ ᠳᠤ ᠬᠠᠤᠯᠢ ᠶᠤᠰᠤᠭᠠᠷ ᠤᠷᠤᠯᠴᠠᠬᠤ ᠪᠤᠶᠤ ᠲᠡᠭᠦᠨ ᠢ ᠬᠠᠤᠯᠢ ᠶᠤᠰᠤᠭᠠᠷ ᠵᠤᠬᠢᠶᠠᠨ ᠪᠠᠶᠢᠭᠤᠯᠵᠤ᠂ ᠲᠤᠰ ᠪᠡᠶ᠎ᠡ ᠶᠢᠨ ᠬᠠᠤᠯᠢ ᠶᠤᠰᠤᠨ ᠤ ᠡᠷᠬᠡ | ᠠᠰᠢᠬ ᠢᠶᠠᠨ ᠬᠠᠮᠠᠭᠠᠯᠠᠬᠤ ᠡᠷᠬᠡ ᠲᠠᠢ᠃ | ᠵᠢᠷᠠᠨ ᠲᠠᠪᠤᠳᠤᠭᠠᠷ ᠵᠦᠢᠯ ᠲᠤᠮᠢᠯᠠᠬᠳᠠᠬᠰᠠᠨ ᠬᠦᠳᠡᠯᠮᠤᠷᠢᠴᠢᠨ ᠲᠤᠰ ᠬᠠᠤᠯᠢ ᠶᠢᠨ ᠭᠤᠴᠢᠨ ᠵᠢᠷᠭᠤᠳᠤᠭᠠᠷ ᠵᠦᠢᠯ᠂ ᠭᠤᠴᠢᠨ ᠨᠠᠢᠮᠠᠳᠤᠭᠠᠷ ᠵᠦᠢᠯ ᠤᠨ | ᠲᠤᠬᠳᠠᠭᠠᠯ ᠶᠤᠰᠤᠭᠠᠷ ᠬᠦᠳᠡᠯᠮᠤᠷᠢ ᠬᠦᠴᠦ ᠲᠤᠮᠢᠯᠠᠬᠤ ᠨᠢᠭᠡᠴᠡ ᠲᠠᠢ ᠬᠦᠳᠡᠯᠮᠤᠷᠢ ᠶᠢᠨ ᠭᠡᠷ᠎ᠡ ᠪᠠᠨ ᠬᠦᠴᠦᠨ ᠦᠭᠡᠢ ᠪᠤᠯᠭᠠᠵᠤ ᠪᠤᠯᠤᠨ᠎ᠠ᠃ | ᠲᠤᠮᠢᠯᠠᠬᠳᠠᠬᠰᠠᠨ ᠬᠦᠳᠡᠯᠮᠤᠷᠢᠴᠢᠨ ᠳᠤ ᠲᠤᠰ ᠬᠠᠤᠯᠢ ᠶᠢᠨ ᠭᠤᠴᠢ ᠶᠢᠰᠦᠳᠦᠭᠡᠷ ᠵᠦᠢᠯ ᠪᠠ ᠲᠦᠴᠢᠳᠦᠭᠡᠷ ᠵᠦᠢᠯ ᠤᠨ ᠨᠢᠭᠡᠳᠦᠭᠡᠷ ᠵᠤᠷᠪᠤᠰ᠂ ᠬᠤᠶᠠᠳᠤᠭᠠᠷ | ᠵᠤᠷᠪᠤᠰ ᠲᠤ ᠲᠤᠬᠳᠠᠭᠠᠬᠰᠠᠨ ᠪᠠᠶᠢᠳᠠᠯ ᠪᠠᠶᠢᠪᠠᠯ᠂ ᠠᠵᠢᠯᠴᠢᠨ ᠬᠡᠷᠡᠭᠯᠡᠬᠦ ᠨᠢᠭᠡᠴᠡ ᠨᠢ ᠬᠦᠳᠡᠯᠮᠤᠷᠢᠴᠢᠨ ᠢ ᠬᠦᠳᠡᠯᠮᠤᠷᠢ ᠬᠦᠴᠦ ᠲᠤᠮᠢᠯᠠᠬᠤ ᠨᠢᠭᠡᠴᠡ ᠳᠤ ᠪᠤᠴᠠᠭᠠᠵᠤ | ᠪᠤᠯᠤᠨ᠎ᠠ᠂ ᠬᠦᠳᠡᠯᠮᠤᠷᠢ ᠬᠦᠴᠦ ᠲᠤᠮᠢᠯᠠᠬᠤ ᠨᠢᠭᠡᠴᠡ ᠨᠢ ᠲᠤᠰ ᠬᠠᠤᠯᠢ ᠶᠢᠨ ᠬᠤᠯᠪᠤᠬᠳᠠᠯ ᠪᠦᠬᠦᠢ ᠲᠤᠬᠳᠠᠭᠠᠯ ᠶᠤᠰᠤᠭᠠᠷ ᠬᠦᠳᠡᠯᠮᠤᠷᠢᠴᠢᠨ ᠲᠠᠢ ᠬᠦᠳᠡᠯᠮᠤᠷᠢ ᠶᠢᠨ | ᠭᠡᠷ᠎ᠡ ᠪᠠᠨ ᠬᠦᠴᠦᠨ ᠦᠭᠡᠢ ᠪᠤᠯᠭᠠᠵᠤ ᠪᠤᠯᠤᠨ᠎ᠠ᠃ | ᠵᠢᠷᠠᠨ ᠵᠢᠷᠭᠤᠳᠤᠭᠠᠷ ᠵᠦᠢᠯ ᠬᠦᠳᠡᠯᠮᠤᠷᠢ ᠶᠢᠨ ᠭᠡᠷ᠎ᠡ ᠪᠠᠷ ᠠᠵᠢᠯᠴᠢᠨ ᠬᠡᠷᠡᠭᠯᠡᠬᠦ ᠪᠤᠯ ᠮᠠᠨ ᠤ ᠤᠯᠤᠰ ᠤᠨ ᠠᠵᠦ ᠠᠬᠤᠶᠢᠯᠠᠯ ᠤᠨ ᠦᠨᠳᠦᠰᠦᠨ ᠠᠵᠢᠯᠴᠢᠨ | ᠬᠡᠷᠡᠭᠯᠡᠬᠦ ᠭᠡᠯᠪᠡᠷᠢ ᠪᠤᠯᠤᠨ᠎ᠠ᠃ ᠬᠦᠳᠡᠯᠮᠤᠷᠢ ᠬᠦᠴᠦ ᠲᠤᠮᠢᠯᠠᠵᠦ ᠠᠵᠢᠯᠴᠢᠨ ᠬᠡᠷᠡᠭᠯᠡᠬᠦ ᠪᠤᠯ ᠨᠦᠬᠦᠪᠤᠷᠢ ᠭᠡᠯᠪᠡᠷᠢ᠂ ᠵᠦᠪᠭᠡᠨ ᠲᠦᠷ ᠴᠠᠬ ᠤᠨ ᠴᠢᠨᠠᠷᠳᠠᠢ᠂ ᠲᠤᠰᠠᠯᠠᠬᠤ | ᠴᠢᠨᠠᠷᠳᠠᠢ ᠪᠤᠶᠤ ᠤᠷᠤᠯᠠᠬᠤ ᠴᠢᠨᠠᠷᠳᠠᠢ ᠠᠵᠢᠯ ᠤᠨ ᠪᠠᠶᠢᠷᠢᠨ ᠳᠤ ᠬᠡᠷᠡᠭᠵᠢᠭᠦᠯᠤᠨ᠎ᠡ᠃ | ᠡᠮᠦᠨᠡᠬᠢ ᠵᠤᠷᠪᠤᠰ ᠲᠤ ᠲᠤᠭᠳᠠᠭᠠᠭᠰᠠᠨ ᠲᠦᠷ ᠴᠠᠬ ᠤᠨ ᠴᠢᠨᠠᠷᠳᠠᠢ ᠠᠵᠢᠯ ᠤᠨ ᠪᠠᠶᠢᠷᠢ ᠭᠡᠳᠡᠭ ᠨᠢ ᠦᠷᠬᠦᠯᠵᠢᠯᠡᠬᠦ ᠬᠤᠭᠤᠴᠠᠭ᠎ᠠ ᠨᠢ ᠵᠢᠷᠭᠤᠭᠠᠨ ᠰᠠᠷ᠎ᠡ ᠶᠢ | ᠭᠡᠳᠦᠷᠡᠬᠦ ᠦᠭᠡᠢ ᠠᠵᠢᠯ ᠤᠨ ᠪᠠᠶᠢᠷᠢ ᠶᠢ ᠵᠢᠭᠠᠨ᠎ᠠ︔ ᠲᠤᠰᠠᠯᠠᠬᠤ ᠴᠢᠨᠠᠷᠳᠠᠢ ᠠᠵᠢᠯ ᠤᠨ ᠪᠠᠶᠢᠷᠢ ᠭᠡᠳᠡᠭ ᠨᠢ ᠭᠤᠤᠯ ᠠᠵᠢᠯ ᠤᠨ ᠪᠠᠶᠢᠷᠢ ᠦᠢᠯᠡᠴᠢᠯᠡᠭᠡ ᠬᠠᠩᠭᠠᠬᠤ | ᠲᠡᠳ᠋ ᠠᠵᠢᠯ ᠤᠨ ᠪᠠᠶᠢᠷᠢ ᠶᠢ ᠵᠢᠭᠠᠨ᠎ᠠ︔ ᠤᠷᠤᠯᠠᠬᠤ ᠴᠢᠨᠠᠷᠳᠠᠢ ᠠᠵᠢᠯ ᠤᠨ ᠪᠠᠶᠢᠷᠢ ᠭᠡᠳᠡᠭ ᠨᠢ ᠠᠵᠢᠯᠴᠢᠨ ᠬᠡᠷᠡᠭᠯᠡᠬᠦ ᠨᠢᠭᠡᠴᠡ ᠶᠢᠨ ᠬᠦᠳᠡᠯᠮᠤᠷᠢᠴᠢᠨ | ᠦᠢᠯᠡᠳᠪᠤᠷᠢᠯᠡᠯ ᠠᠴᠠ ᠰᠠᠯᠵᠦ ᠰᠤᠷᠤᠯᠴᠠᠬᠤ᠂ ᠠᠮᠠᠷᠠᠬᠤ ᠵᠡᠷᠭᠡ ᠰᠢᠯᠳᠠᠭᠠᠨ ᠠᠴᠠ ᠪᠤᠯᠵᠦ ᠠᠵᠢᠯᠯᠠᠵᠦ ᠲᠡᠶᠢᠯᠬᠦ ᠦᠭᠡᠢ ᠬᠤᠭᠤᠴᠠᠭᠠᠨ ᠲᠤᠳᠤᠷ᠎ᠡ ᠪᠤᠰᠤᠳ | ᠬᠦᠳᠡᠯᠮᠤᠷᠢᠴᠢᠨ ᠤᠷᠤᠯᠠᠵᠦ ᠠᠵᠢᠯᠯᠠᠵᠦ ᠪᠤᠯᠬᠤ ᠠᠵᠢᠯ ᠤᠨ ᠪᠠᠶᠢᠷᠢ ᠶᠢ ᠵᠢᠭᠠᠨ᠎ᠠ᠃ | ᠠᠵᠢᠯᠴᠢᠨ ᠬᠡᠷᠡᠭᠯᠡᠬᠦ ᠨᠢᠭᠡᠴᠡ ᠨᠢ ᠬᠦᠳᠡᠯᠮᠤᠷᠢ ᠬᠦᠴᠦ ᠲᠤᠮᠢᠯᠠᠭᠰᠠᠨ ᠠᠵᠢᠯᠴᠢᠨ ᠤ ᠲᠤᠭ᠎ᠠ ᠶᠢ ᠴᠢᠩᠭ᠎ᠠ ᠬᠢᠵᠠᠭᠠᠷᠯᠠᠬᠤ ᠬᠡᠷᠡᠭᠲᠠᠢ᠂ ᠪᠦᠬᠦ ᠠᠵᠢᠯᠴᠢᠨ ᠤ | ᠲᠤᠭᠳᠠᠭᠰᠠᠨ ᠬᠠᠷᠢᠴᠠᠯ ᠠᠴᠠ ᠭᠡᠳᠦᠷᠡᠵᠦ ᠪᠤᠯᠬᠤ ᠦᠭᠡᠢ᠂ ᠪᠤᠳᠠᠲᠠᠢ ᠬᠠᠷᠢᠴᠠᠯ ᠢ ᠲᠦᠷᠦ ᠶᠢᠨ ᠶᠠᠪᠤᠳᠠᠯ ᠤᠨ ᠬᠤᠷᠢᠶᠡᠨ ᠤ ᠬᠦᠳᠡᠯᠮᠤᠷᠢ ᠶᠢᠨ ᠵᠠᠰᠠᠭ ᠵᠠᠬᠢᠷᠭᠠᠨ ᠤ | ᠰᠠᠯᠠᠭ᠎ᠠ ᠮᠦᠴᠢᠷ ᠠᠴᠠ ᠲᠤᠭᠳᠠᠭᠠᠨ᠎ᠠ᠃ | ᠵᠢᠷᠠᠨ ᠲᠤᠯᠤᠳᠤᠭᠠᠷ ᠵᠦᠢᠯ ᠠᠵᠢᠯᠴᠢᠨ ᠬᠡᠷᠡᠭᠯᠡᠬᠦ ᠨᠢᠭᠡᠴᠡ ᠨᠢ ᠬᠦᠳᠡᠯᠮᠤᠷᠢ ᠬᠦᠴᠦ ᠲᠤᠮᠢᠯᠠᠬᠤ ᠨᠢᠭᠡᠴᠡ ᠪᠠᠶᠢᠭᠤᠯᠵᠤ᠂ ᠲᠤᠰ ᠨᠢᠭᠡᠴᠡ ᠪᠤᠶᠤ ᠬᠠᠷᠢᠶ᠎ᠠ | ᠨᠢᠭᠡᠴᠡ ᠳᠡᠭᠡᠨ ᠬᠦᠳᠡᠯᠮᠤᠷᠢᠴᠢᠨ ᠢ ᠲᠤᠮᠢᠯᠠᠵᠤ ᠪᠤᠯᠬᠤ ᠦᠭᠡᠢ᠃ | | | ᠭᠤᠷᠪᠠᠳᠤᠭᠠᠷ ᠬᠡᠰᠡᠭ ᠪᠦᠬᠦᠯᠢ ᠡᠳᠦᠷ ᠢᠶᠠᠷ ᠠᠵᠢᠯᠯᠠᠬᠤ ᠪᠤᠰᠤ ᠲᠦᠷᠢᠮᠳᠤ ᠠᠵᠢᠯᠴᠢᠨ ᠢ ᠬᠡᠷᠡᠭᠯᠡᠬᠦ | | | ᠵᠢᠷᠠᠨ ᠨᠠᠢᠮᠠᠳᠤᠭᠠᠷ ᠵᠦᠢᠯ ᠪᠦᠬᠦᠯᠢ ᠡᠳᠦᠷ ᠢᠶᠠᠷ ᠠᠵᠢᠯᠯᠠᠬᠤ ᠪᠤᠰᠤ ᠲᠦᠷᠢᠮᠳᠤ ᠠᠵᠢᠯᠴᠢᠨ ᠢ ᠬᠡᠷᠡᠭᠯᠡᠬᠦ ᠲᠦᠷᠢᠮ ᠭᠡᠳᠡᠭ ᠨᠢ ᠴᠠᠬ ᠢᠶᠠᠷ ᠤᠯᠭᠤᠮᠵᠢ | ᠪᠤᠳᠤᠬᠤ ᠪᠠᠷ ᠭᠤᠤᠯ ᠪᠤᠯᠭᠠᠬᠰᠠᠨ᠂ ᠬᠦᠳᠡᠯᠮᠤᠷᠢᠴᠢᠨ ᠤ ᠠᠳᠠᠯᠢ ᠨᠢᠭᠡᠨ ᠬᠦᠮᠦᠨ ᠬᠡᠷᠡᠭᠯᠡᠬᠦ ᠨᠢᠭᠡᠴᠡ ᠳᠠᠬᠢ ᠡᠩ ᠤᠨ ᠡᠳᠦᠷ ᠪᠦᠷᠢ ᠶᠢᠨ ᠲᠤᠮᠳᠠᠴᠢ ᠠᠵᠢᠯᠯᠠᠬᠤ | ᠴᠠᠬ ᠨᠢ ᠲᠦᠷᠪᠡᠨ ᠴᠠᠬ ᠠᠴᠠ ᠬᠡᠳᠦᠷᠡᠬᠦ ᠦᠭᠡᠢ᠂ ᠭᠠᠷᠠᠬ ᠪᠦᠷᠢ ᠶᠢᠨ ᠠᠵᠢᠯᠯᠠᠬᠤ ᠴᠠᠬ ᠨᠢ ᠨᠡᠶᠢᠯᠡᠭᠡᠳ ᠬᠤᠷᠢᠨ ᠲᠦᠷᠪᠡᠨ ᠴᠠᠬ ᠠᠴᠠ ᠬᠡᠳᠦᠷᠡᠬᠦ ᠦᠭᠡᠢ ᠠᠵᠢᠯᠴᠢᠨ | ᠬᠡᠷᠡᠭᠯᠡᠬᠦ ᠬᠡᠯᠪᠡᠷᠢ ᠶᠢ ᠬᠡᠯᠡᠵᠤ ᠪᠠᠶᠢᠨ᠎ᠠ᠃ | ᠵᠢᠷᠠ ᠶᠢᠰᠦᠳᠦᠭᠡᠷ ᠵᠦᠢᠯ ᠪᠦᠬᠦᠯᠢ ᠡᠳᠦᠷ ᠢᠶᠠᠷ ᠠᠵᠢᠯᠯᠠᠬᠤ ᠪᠤᠰᠤ ᠲᠦᠷᠢᠮᠳᠤ ᠠᠵᠢᠯᠴᠢᠨ ᠢ ᠬᠡᠷᠡᠭᠯᠡᠬᠦ ᠬᠤᠶᠠᠷ ᠲᠠᠯ᠎ᠠ ᠶᠢᠨ ᠲᠤᠬᠠᠢ ᠶᠢᠨ ᠬᠦᠮᠦᠨ ᠨᠢ ᠠᠮᠠᠨ | ᠵᠦᠪᠯᠡᠯᠭᠡ ᠲᠤᠬᠳᠠᠵᠤ ᠪᠤᠯᠤᠨ᠎ᠠ᠃ | ᠪᠦᠬᠦᠯᠢ ᠡᠳᠦᠷ ᠢᠶᠠᠷ ᠠᠵᠢᠯᠯᠠᠬᠤ ᠪᠤᠰᠤ ᠲᠦᠷᠢᠮᠳᠤ ᠠᠵᠢᠯᠴᠢᠨ ᠬᠡᠷᠡᠭᠯᠡᠬᠦ ᠠᠵᠢᠯ ᠢ ᠬᠢᠵᠤ ᠪᠠᠶᠢᠭ᠎ᠠ ᠬᠦᠳᠡᠯᠮᠤᠷᠢᠴᠢᠨ ᠨᠢᠭᠡ ᠪᠤᠶᠤ ᠨᠢᠭᠡ ᠠᠴᠠ ᠲᠡᠭᠡᠭᠰᠢ | ᠬᠦᠮᠦᠨ ᠬᠡᠷᠡᠭᠯᠡᠬᠦ ᠨᠢᠭᠡᠴᠡ ᠲᠠᠢ ᠬᠦᠳᠡᠯᠮᠤᠷᠢ ᠶᠢᠨ ᠭᠡᠷ᠎ᠡ ᠲᠤᠬᠳᠠᠵᠤ ᠪᠤᠯᠤᠨ᠎ᠠ︔ ᠭᠡᠪᠡᠴᠤ ᠰᠡᠭᠦᠯᠡᠷ ᠲᠤᠬᠳᠠᠬᠰᠠᠨ ᠬᠦᠳᠡᠯᠮᠤᠷᠢ ᠶᠢᠨ ᠭᠡᠷ᠎ᠡ ᠨᠢ ᠤᠷᠢᠳᠠᠪᠡᠷ | ᠲᠤᠬᠳᠠᠬᠰᠠᠨ ᠬᠦᠳᠡᠯᠮᠤᠷᠢ ᠶᠢᠨ ᠭᠡᠷ᠎ᠡ ᠶᠢ ᠭᠦᠢᠴᠡᠳᠭᠡᠬᠦ ᠶᠢ ᠨᠦᠯᠦᠭᠡᠯᠡᠵᠤ ᠪᠤᠯᠬᠤ ᠦᠭᠡᠢ᠃ | ᠲᠠᠯᠠᠳᠤᠭᠠᠷ ᠵᠦᠢᠯ ᠪᠦᠬᠦᠯᠢ ᠡᠳᠦᠷ ᠢᠶᠠᠷ ᠠᠵᠢᠯᠯᠠᠬᠤ ᠪᠤᠰᠤ ᠲᠦᠷᠢᠮᠳᠤ ᠠᠵᠢᠯᠴᠢᠨ ᠢ ᠬᠡᠷᠡᠭᠯᠡᠬᠦ ᠬᠤᠶᠠᠷ ᠲᠠᠯ᠎ᠠ ᠶᠢᠨ ᠲᠤᠬᠠᠢ ᠶᠢᠨ ᠬᠦᠮᠦᠨ ᠨᠢ ᠲᠤᠷᠰᠢᠨ | ᠬᠡᠷᠡᠭᠯᠡᠬᠦ ᠬᠤᠭᠤᠴᠠᠭ᠎ᠠ ᠶᠢ ᠪᠤᠯᠵᠤᠨ ᠲᠤᠬᠳᠠᠵᠤ ᠪᠤᠯᠬᠤ ᠦᠭᠡᠢ᠃ | ᠲᠠᠯᠠᠨ ᠨᠢᠭᠡᠳᠤᠭᠡᠷ ᠵᠦᠢᠯ ᠪᠦᠬᠦᠯᠢ ᠡᠳᠦᠷ ᠢᠶᠠᠷ ᠠᠵᠢᠯᠯᠠᠬᠤ ᠪᠤᠰᠤ ᠲᠦᠷᠢᠮᠳᠤ ᠠᠵᠢᠯᠴᠢᠨ ᠢ ᠬᠡᠷᠡᠭᠯᠡᠬᠦ ᠬᠤᠶᠠᠷ ᠲᠠᠯ᠎ᠠ ᠶᠢᠨ ᠲᠤᠬᠠᠢ ᠶᠢᠨ ᠬᠦᠮᠦᠨ ᠤ ᠠᠯᠢ | ᠨᠢᠭᠡ ᠲᠠᠯ᠎ᠠ ᠨᠢ ᠴᠤ ᠴᠦᠮ ᠠᠵᠢᠯᠴᠢᠨ ᠬᠡᠷᠡᠭᠯᠡᠬᠦ ᠶᠢ ᠲᠠᠭᠤᠰᠬᠠᠬᠤ ᠶᠢ ᠨᠦᠭᠦᠭᠡ ᠲᠠᠯ᠎ᠠ ᠳᠠᠭᠠᠨ ᠴᠠᠬ ᠲᠤᠬᠠᠢ ᠳᠤᠨᠢ ᠮᠡᠳᠡᠭᠳᠡᠵᠤ ᠪᠤᠯᠤᠨ᠎ᠠ᠃ ᠠᠵᠢᠯᠴᠢᠨ ᠬᠡᠷᠡᠭᠯᠡᠬᠦ ᠶᠢ | ᠲᠠᠭᠤᠰᠬᠠᠬᠤ ᠳᠤ ᠬᠦᠮᠦᠨ ᠬᠡᠷᠡᠭᠯᠡᠬᠦ ᠨᠢᠭᠡᠴᠡ ᠨᠢ ᠬᠦᠳᠡᠯᠮᠤᠷᠢᠴᠢᠨ ᠳᠤ ᠠᠵᠤ ᠠᠬᠤᠢ ᠶᠢᠨ ᠨᠦᠬᠦᠪᠤᠷᠢ ᠦᠭᠬᠦ ᠦᠭᠡᠢ᠃ | ᠲᠠᠯᠠᠨ ᠬᠤᠶᠠᠳᠤᠭᠠᠷ ᠵᠦᠢᠯ ᠪᠦᠬᠦᠯᠢ ᠡᠳᠦᠷ ᠢᠶᠠᠷ ᠠᠵᠢᠯᠯᠠᠬᠤ ᠪᠤᠰᠤ ᠲᠦᠷᠢᠮᠳᠤ ᠠᠵᠢᠯᠴᠢᠨ ᠬᠡᠷᠡᠭᠯᠡᠬᠦ ᠳᠤ ᠴᠠᠬ ᠢᠶᠠᠷ ᠪᠤᠳᠤᠬᠤ ᠤᠯᠭᠤᠮᠵᠢ ᠶᠢᠨ | ᠪᠠᠷᠢᠮᠵᠢᠶ᠎ᠠ ᠶᠢ ᠬᠦᠮᠦᠨ ᠬᠡᠷᠡᠭᠯᠡᠬᠦ ᠨᠢᠭᠡᠴᠡ ᠶᠢᠨ ᠰᠠᠭᠤᠭ᠎ᠠ ᠭᠠᠵᠠᠷ ᠤᠨ ᠠᠷᠠᠳ ᠤᠨ ᠵᠠᠰᠠᠬ ᠤᠨ ᠤᠷᠳᠤᠨ ᠤ ᠲᠤᠬᠳᠠᠭᠠᠬᠰᠠᠨ ᠨᠠᠭᠠᠳᠤ ᠵᠠᠬ᠎ᠠ ᠶᠢᠨ ᠴᠠᠬ ᠤᠨ | ᠴᠠᠯᠢᠩ ᠤᠨ ᠪᠠᠷᠢᠮᠵᠢᠶ᠎ᠠ ᠠᠴᠠ ᠲᠤᠤᠷ᠎ᠠ ᠪᠠᠶᠢᠯᠭᠠᠵᠤ ᠪᠤᠯᠬᠤ ᠦᠭᠡᠢ᠃ ᠪᠦᠬᠦᠯᠢ ᠡᠳᠦᠷ ᠢᠶᠠᠷ ᠠᠵᠢᠯᠯᠠᠬᠤ ᠪᠤᠰᠤ ᠲᠦᠷᠢᠮᠳᠤ ᠠᠵᠢᠯᠴᠢᠨ ᠬᠡᠷᠡᠭᠯᠡᠬᠦ ᠳᠡᠭᠡᠨ | ᠬᠦᠳᠡᠯᠮᠤᠷᠢ ᠶᠢᠨ ᠤᠯᠭᠤᠮᠵᠢ ᠶᠢ ᠲᠠᠰᠤᠯᠤᠨ ᠪᠤᠳᠤᠵᠤ ᠦᠭᠬᠦ ᠬᠤᠭᠤᠴᠠᠭ᠎ᠠ ᠶᠢ ᠬᠠᠮᠤᠬ ᠤᠷᠳᠤ ᠳᠠᠭᠠᠨ ᠠᠷᠪᠠᠨ ᠲᠠᠪᠤᠨ ᠡᠳᠦᠷ ᠠᠴᠠ ᠬᠡᠳᠦᠷᠡᠭᠦᠯᠵᠤ ᠪᠤᠯᠬᠤ ᠦᠭᠡᠢ᠃ | | | | ᠵᠢᠷᠭᠤᠳᠤᠭᠠᠷ ᠪᠦᠯᠦᠭ ᠬᠢᠨᠠᠯᠳᠠ ᠲᠠᠯᠪᠢᠵᠤ ᠪᠠᠶᠢᠴᠠᠭᠠᠬᠤ | | | ᠲᠠᠯᠠᠨ ᠭᠤᠷᠪᠠᠳᠤᠭᠠᠷ ᠵᠦᠢᠯ ᠲᠦᠷᠦ ᠶᠢᠨ ᠶᠤᠪᠤᠳᠠᠯ ᠤᠨ ᠬᠤᠷᠢᠶ᠎ᠠ ᠶᠢᠨ ᠬᠦᠳᠡᠯᠮᠤᠷᠢ ᠶᠢᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠠᠴᠠ ᠪᠦᠬᠦ ᠤᠯᠤᠰ ᠤᠨ | ᠬᠦᠳᠡᠯᠮᠤᠷᠢ ᠶᠢᠨ ᠭᠡᠷ᠎ᠡ ᠶᠢᠨ ᠲᠦᠷᠢᠮ ᠤᠨ ᠬᠡᠷᠡᠭᠵᠢᠭᠦᠯᠤᠯᠳᠡ ᠶᠢ ᠬᠢᠨᠠᠵᠤ ᠬᠠᠮᠢᠶᠠᠷᠬᠤ ᠠᠵᠢᠯ ᠢ ᠬᠠᠷᠢᠭᠤᠴᠠᠨ᠎ᠠ᠃ | ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠳᠤᠬ ᠤᠨ ᠠᠷᠠᠳ ᠤᠨ ᠵᠠᠰᠠᠬ ᠤᠨ ᠤᠷᠳᠤᠨ ᠤ ᠬᠦᠳᠡᠯᠮᠤᠷᠢ ᠶᠢᠨ ᠵᠠᠰᠠᠬ ᠵᠠᠬᠢᠷᠭᠠᠨ ᠤ ᠰᠠᠯᠠᠭ᠎ᠠ | ᠮᠦᠴᠢᠷ ᠤᠳ ᠲᠤᠰ ᠵᠠᠰᠠᠬ ᠵᠠᠬᠢᠷᠭᠠᠨ ᠤ ᠤᠷᠤᠨ ᠪᠦᠰᠡ ᠶᠢᠨ ᠲᠤᠳᠤᠷᠠᠬᠢ ᠬᠦᠳᠡᠯᠮᠤᠷᠢ ᠶᠢᠨ ᠭᠡᠷ᠎ᠡ ᠶᠢᠨ ᠲᠦᠷᠢᠮ ᠤᠨ ᠬᠡᠷᠡᠭᠵᠢᠭᠦᠯᠤᠯᠳᠡ ᠶᠢ ᠬᠢᠨᠠᠵᠤ ᠬᠠᠮᠢᠶᠠᠷᠬᠤ | ᠠᠵᠢᠯ ᠢ ᠬᠠᠷᠢᠭᠤᠴᠠᠨ᠎ᠠ᠃ | ᠰᠢᠶᠠᠨ ᠤ ᠱᠠᠳᠤᠨ ᠠᠴᠠ ᠲᠡᠭᠡᠭᠰᠢᠬᠢ ᠡᠯ᠎ᠡ ᠱᠠᠳᠤᠨ ᠤ ᠠᠷᠠᠳ ᠤᠨ ᠵᠠᠰᠠᠬ ᠤᠨ ᠤᠷᠳᠤᠨ ᠤ ᠬᠦᠳᠡᠯᠮᠤᠷᠢ ᠶᠢᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠤᠳ | ᠬᠦᠳᠡᠯᠮᠤᠷᠢ ᠶᠢᠨ ᠭᠡᠷ᠎ᠡ ᠶᠢᠨ ᠲᠦᠷᠢᠮ ᠤᠨ ᠬᠡᠷᠡᠭᠵᠢᠭᠦᠯᠤᠯᠳᠡ ᠶᠢ ᠬᠢᠨᠠᠵᠤ ᠬᠠᠮᠢᠶᠠᠷᠬᠤ ᠠᠵᠢᠯ ᠤᠨ ᠲᠤᠮᠳᠠ ᠠᠵᠢᠯᠴᠢᠨ ᠤ ᠡᠪᠯᠡᠯ᠂ ᠠᠵᠤ ᠠᠬᠤᠢᠢᠯᠠᠯ ᠤᠨ ᠲᠠᠯ᠎ᠠ ᠶᠢᠨ | ᠲᠦᠯᠦᠭᠡᠯᠡᠭᠴᠢ ᠬᠢᠭᠡᠳ ᠬᠤᠯᠪᠤᠬᠳᠠᠯ ᠪᠦᠬᠦᠢ ᠠᠵᠢᠯ ᠲᠦᠷᠦᠯ ᠤᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠰᠠᠨᠠᠯ ᠢ ᠰᠤᠨᠤᠰᠬᠤ ᠬᠡᠷᠡᠭᠳᠠᠢ᠃ | ᠲᠠᠯᠠᠨ ᠲᠦᠷᠪᠡᠳᠦᠭᠡᠷ ᠵᠦᠢᠯ ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠳᠤᠬ ᠤᠨ ᠠᠷᠠᠳ ᠤᠨ ᠵᠠᠰᠠᠬ ᠤᠨ ᠤᠷᠳᠤᠨ ᠤ ᠬᠦᠳᠡᠯᠮᠤᠷᠢ ᠶᠢᠨ ᠵᠠᠰᠠᠬ | ᠵᠠᠬᠢᠷᠭᠠᠨ ᠤ ᠰᠠᠯᠠᠭ᠎ᠠ ᠮᠦᠴᠢᠷ ᠤᠳ ᠲᠤᠤᠷ᠎ᠠ ᠵᠢᠬᠰᠠᠭᠠᠬᠰᠠᠨ ᠬᠦᠳᠡᠯᠮᠤᠷᠢ ᠶᠢᠨ ᠭᠡᠷ᠎ᠡ ᠶᠢᠨ ᠲᠦᠷᠢᠮ ᠢ ᠬᠡᠷᠡᠭᠵᠢᠭᠦᠯᠦᠭᠰᠡᠨ ᠪᠠᠶᠢᠳᠠᠯ ᠤᠳ ᠢ ᠬᠠᠤᠯᠢ ᠶᠤᠰᠤᠭᠠᠷ ᠬᠢᠨᠠᠵᠤ | ᠪᠠᠶᠢᠴᠠᠭᠠᠨ᠎ᠠ᠄ | ︵ᠨᠢᠭᠡ︶ ᠬᠦᠮᠦᠨ ᠬᠡᠷᠡᠭᠯᠡᠬᠦ ᠨᠢᠭᠡᠴᠡ ᠶᠢᠨ ᠬᠦᠳᠡᠯᠮᠤᠷᠢᠴᠢᠨ ᠤ ᠲᠤᠰ ᠪᠡᠶ᠎ᠡ ᠶᠢᠨ ᠠᠰᠢᠬ ᠲᠤᠰᠠ ᠲᠠᠢ ᠰᠢᠭᠤᠳ ᠬᠤᠯᠪᠤᠬᠳᠠᠬᠰᠠᠨ ᠲᠦᠷᠢᠮ ᠲᠤᠬᠳᠠᠭᠠᠯ ᠢ | ᠲᠤᠬᠳᠠᠭᠠᠬᠰᠠᠨ ᠪᠠ ᠬᠡᠷᠡᠭᠵᠢᠭᠦᠯᠦᠭᠰᠡᠨ ᠪᠠᠶᠢᠳᠠᠯ︔ | ︵ᠬᠤᠶᠠᠷ︶ ᠬᠦᠮᠦᠨ ᠬᠡᠷᠡᠭᠯᠡᠬᠦ ᠨᠢᠭᠡᠴᠡ ᠶᠢᠨ ᠬᠦᠳᠡᠯᠮᠤᠷᠢᠴᠢᠨ ᠲᠠᠢ ᠬᠦᠳᠡᠯᠮᠤᠷᠢ ᠶᠢᠨ ᠭᠡᠷ᠎ᠡ ᠶᠢ ᠲᠤᠬᠳᠠᠬᠰᠠᠨ ᠪᠠ ᠬᠦᠴᠦᠨ ᠦᠭᠡᠢ ᠪᠤᠯᠭᠠᠬᠰᠠᠨ ᠪᠠᠶᠢᠳᠠᠯ︔ | | ︵ᠭᠤᠷᠪᠠ︶ ᠬᠦᠳᠡᠯᠮᠤᠷᠢ ᠬᠦᠴᠤ ᠲᠤᠮᠢᠯᠠᠬᠤ ᠨᠢᠭᠡᠴᠡ ᠪᠠ ᠠᠵᠢᠯᠴᠢᠨ ᠬᠡᠷᠡᠭᠯᠡᠬᠦ ᠨᠢᠭᠡᠴᠡ ᠶᠢᠨ ᠬᠦᠳᠡᠯᠮᠤᠷᠢ ᠬᠦᠴᠦ ᠲᠤᠮᠢᠯᠠᠬᠤ ᠬᠤᠯᠪᠤᠬᠳᠠᠯ ᠪᠦᠬᠦᠢ | ᠲᠤᠬᠳᠠᠭᠠᠯ ᠢ ᠵᠢᠷᠤᠮᠯᠠᠬᠰᠠᠨ ᠪᠠᠶᠢᠳᠠᠯ︔ | ︵ᠲᠦᠷᠪᠡ︶ ᠬᠦᠮᠦᠨ ᠬᠡᠷᠡᠭᠯᠡᠬᠦ ᠨᠢᠭᠡᠴᠡ ᠶᠢᠨ ᠤᠯᠤᠰ ᠤᠨ ᠬᠦᠳᠡᠯᠮᠤᠷᠢᠴᠢᠨ ᠤ ᠠᠵᠢᠯᠯᠠᠬᠤ ᠴᠠᠬ᠂ ᠠᠮᠠᠷᠠᠯᠳᠠ ᠪᠠ ᠠᠮᠠᠷᠠᠯᠳᠠ ᠶᠢᠨ ᠴᠢᠯᠦᠭᠡ ᠠᠪᠬᠤ ᠲᠤᠬᠠᠢ | ᠲᠤᠬᠳᠠᠭᠠᠯ ᠢ ᠵᠢᠷᠤᠮᠯᠠᠬᠰᠠᠨ ᠪᠠᠶᠢᠳᠠᠯ︔ | ︵ᠲᠠᠪᠤ︶ ᠬᠦᠮᠦᠨ ᠬᠡᠷᠡᠭᠯᠡᠬᠦ ᠨᠢᠭᠡᠴᠡ ᠶᠢᠨ ᠬᠦᠳᠡᠯᠮᠤᠷᠢ ᠶᠢᠨ ᠭᠡᠷ᠎ᠡ ᠳᠤ ᠪᠤᠯᠵᠤᠨ ᠲᠤᠬᠳᠠᠬᠰᠠᠨ ᠶᠤᠰᠤᠭᠠᠷ ᠬᠦᠳᠡᠯᠮᠤᠷᠢ ᠶᠢᠨ ᠤᠯᠭᠤᠮᠵᠢ ᠶᠢ ᠦᠭᠭᠦᠭᠰᠡᠨ ᠪᠠ | ᠨᠠᠭᠠᠳᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠶᠢ ᠬᠡᠷᠡᠭᠵᠢᠭᠦᠯᠦᠭᠰᠡᠨ ᠪᠠᠶᠢᠳᠠᠯ︔ | ︵ᠵᠢᠷᠭᠤᠭ᠎ᠠ︶ ᠬᠦᠮᠦᠨ ᠬᠡᠷᠡᠭᠯᠡᠬᠦ ᠨᠢᠭᠡᠴᠡ ᠶᠢᠨ ᠡᠯ᠎ᠡ ᠵᠦᠢᠯ ᠤᠨ ᠨᠡᠶᠢᠭᠡᠮ ᠤᠨ ᠲᠠᠭᠠᠳᠬᠠᠯ ᠳᠤ ᠤᠷᠤᠯᠴᠠᠬᠰᠠᠨ ᠪᠠ ᠨᠡᠶᠢᠭᠡᠮ ᠤᠨ ᠲᠠᠭᠠᠳᠬᠠᠯ ᠤᠨ | ᠰᠦᠢᠳᠭᠡᠯ ᠢ ᠲᠤᠰᠢᠶᠠᠬᠰᠠᠨ ᠪᠠᠶᠢᠳᠠᠯ︔ | ︵ᠲᠤᠯᠤᠭ᠎ᠠ︶ ᠬᠠᠤᠯᠢ ᠴᠠᠭᠠᠵᠠ᠂ ᠬᠠᠤᠯᠢ ᠲᠤᠬᠳᠠᠭᠠᠯ ᠳᠤ ᠲᠤᠬᠳᠠᠭᠠᠬᠰᠠᠨ ᠬᠦᠳᠡᠯᠮᠤᠷᠢ ᠶᠢ ᠬᠢᠨᠠᠨ ᠪᠠᠶᠢᠴᠠᠭᠠᠬᠤ ᠪᠤᠰᠤᠳ ᠪᠠᠶᠢᠳᠠᠯ ᠤᠳ᠃ | ᠲᠠᠯᠠᠨ ᠲᠠᠪᠤᠳᠤᠭᠠᠷ ᠵᠦᠢᠯ ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠳᠤᠬ ᠤᠨ ᠠᠷᠠᠳ ᠤᠨ ᠵᠠᠰᠠᠬ ᠤᠨ ᠤᠷᠳᠤᠨ ᠤ ᠬᠦᠳᠡᠯᠮᠤᠷᠢ ᠶᠢᠨ ᠵᠠᠰᠠᠬ | ᠵᠠᠬᠢᠷᠭᠠᠨ ᠤ ᠰᠠᠯᠠᠭ᠎ᠠ ᠮᠦᠴᠢᠷ ᠤᠳ ᠬᠢᠨᠠᠯᠳᠠ ᠲᠠᠯᠪᠢᠵᠤ ᠪᠠᠶᠢᠴᠠᠭᠠᠬᠤ ᠳᠠᠭᠠᠨ ᠬᠦᠳᠡᠯᠮᠤᠷᠢ ᠶᠢᠨ ᠭᠡᠷ᠎ᠡ᠂ ᠬᠠᠮᠳᠤ ᠶᠢᠨ ᠭᠡᠷ᠎ᠡ ᠳᠤ ᠬᠤᠯᠪᠤᠬᠳᠠᠬᠤ ᠮᠠᠲ᠋ᠧᠷᠢᠶᠠᠯ ᠢ | ᠪᠠᠶᠢᠴᠠᠭᠠᠨ ᠦᠵᠡᠬᠦ ᠡᠷᠬᠡ ᠲᠠᠢ᠂ ᠬᠦᠳᠡᠯᠮᠤᠷᠢ ᠶᠢᠨ ᠲᠠᠯᠠᠪᠤᠷ ᠲᠤ ᠲᠤᠬᠠᠢ ᠶᠢᠨ ᠭᠠᠵᠠᠷ ᠤᠨ ᠪᠠᠶᠢᠴᠠᠭᠠᠯᠳᠠ ᠬᠢᠬᠦ ᠡᠷᠬᠡ ᠲᠠᠢ᠂ ᠬᠦᠮᠦᠨ ᠬᠡᠷᠡᠭᠯᠡᠬᠦ ᠨᠢᠭᠡᠴᠡ ᠪᠠ | ᠬᠦᠳᠡᠯᠮᠤᠷᠢᠴᠢᠨ ᠴᠦᠮ ᠬᠤᠯᠪᠤᠬᠳᠠᠯ ᠪᠦᠬᠦᠢ ᠪᠠᠶᠢᠳᠠᠯ ᠪᠠ ᠪᠢᠴᠢᠭ ᠮᠠᠲ᠋ᠧᠷᠢᠶᠠᠯ ᠢ ᠦᠨᠡᠨ ᠪᠤᠳᠠᠳᠠᠢ ᠪᠠᠷ ᠬᠠᠩᠭᠠᠵᠤ ᠦᠭᠬᠦ ᠬᠡᠷᠡᠭᠳᠠᠢ᠃ | ᠬᠦᠳᠡᠯᠮᠤᠷᠢ ᠶᠢᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠤᠨ ᠠᠵᠢᠯᠳᠡᠨ ᠬᠢᠨᠠᠯᠳᠠ ᠲᠠᠯᠪᠢᠵᠤ ᠪᠠᠶᠢᠴᠠᠭᠠᠯᠳᠠ ᠬᠢᠬᠦ ᠳᠡᠭᠡᠨ ᠭᠡᠷᠡᠴᠢ ᠲᠡᠮᠳᠡᠭ ᠢᠶᠠᠨ ᠦᠵᠡᠭᠦᠯᠵᠤ᠂ | ᠬᠠᠤᠯᠢ ᠶᠤᠰᠤᠭᠠᠷ ᠡᠷᠬᠡ ᠲᠤᠰᠢᠶᠠᠯ ᠢᠶᠠᠨ ᠭᠦᠢᠴᠡᠳᠭᠡᠵᠤ᠂ ᠬᠠᠤᠯᠢ ᠶᠢ ᠪᠤᠯᠪᠠᠰᠤᠨ ᠢᠶᠠᠷ ᠬᠡᠷᠡᠭᠵᠢᠭᠦᠯᠬᠦ ᠬᠡᠷᠡᠭᠳᠠᠢ᠃ | ᠲᠠᠯᠠᠨ ᠵᠢᠷᠭᠤᠳᠤᠭᠠᠷ ᠵᠦᠢᠯ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠬ ᠤᠨ ᠤᠷᠳᠤᠨ ᠤ ᠪᠦᠳᠦᠭᠡᠨ ᠪᠠᠶᠢᠭᠤᠯᠤᠯᠳᠠ᠂ ᠡᠷᠡᠭᠦᠯ ᠬᠠᠮᠠᠭᠠᠯᠠᠯ᠂ | ᠠᠶᠤᠯ ᠦᠭᠡᠢ ᠦᠢᠯᠡᠳᠪᠤᠷᠢᠯᠡᠯ ᠤᠨ ᠬᠢᠨᠠᠯᠳᠠ ᠬᠠᠮᠢᠶᠠᠷᠤᠯᠳᠠ ᠵᠡᠷᠭᠡ ᠬᠤᠯᠪᠤᠬᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠳ ᠲᠤᠰ ᠲᠤᠰ ᠤᠨ ᠲᠤᠰᠢᠶᠠᠯ | ᠬᠠᠷᠢᠭᠤᠴᠠᠯᠭ᠎ᠠ ᠶᠢᠨ ᠢᠶᠠᠨ ᠬᠡᠪᠴᠢᠶᠡᠨ ᠲᠤᠳᠤᠷ᠎ᠠ ᠬᠦᠮᠦᠨ ᠬᠡᠷᠡᠭᠯᠡᠬᠦ ᠨᠢᠭᠡᠴᠡ ᠶᠢᠨ ᠬᠦᠳᠡᠯᠮᠤᠷᠢ ᠶᠢᠨ ᠭᠡᠷ᠎ᠡ ᠶᠢᠨ ᠲᠦᠷᠢᠮ ᠢ ᠬᠡᠷᠡᠭᠵᠢᠭᠦᠯᠵᠤ ᠪᠠᠶᠢᠭ᠎ᠠ ᠪᠠᠶᠢᠳᠠᠯ ᠢ | ᠬᠢᠨᠠᠵᠤ ᠬᠠᠮᠢᠶᠠᠷᠬᠤ ᠬᠡᠷᠡᠭᠳᠠᠢ᠃ | ᠲᠠᠯᠠᠨ ᠲᠤᠯᠤᠳᠤᠭᠠᠷ ᠵᠦᠢᠯ ᠬᠦᠳᠡᠯᠮᠤᠷᠢᠴᠢᠨ ᠤ ᠬᠠᠤᠯᠢ ᠶᠤᠰᠤᠨ ᠤ ᠡᠷᠬᠡ ᠠᠰᠢᠬ ᠨᠢ ᠬᠤᠤᠷ ᠬᠦᠨᠦᠭᠡᠯ ᠳᠤ ᠤᠴᠠᠷᠠᠬᠰᠠᠨ ᠪᠠᠶᠢᠪᠠᠯ᠂ ᠬᠤᠯᠪᠤᠬᠳᠠᠯ ᠪᠦᠬᠦᠢ | ᠰᠠᠯᠠᠭ᠎ᠠ ᠮᠦᠴᠢᠷ ᠲᠤ ᠬᠠᠤᠯᠢ ᠶᠤᠰᠤᠭᠠᠷ ᠰᠢᠢᠳᠪᠤᠷᠢᠯᠡᠭᠦᠯᠬᠦ ᠪᠠᠷ ᠱᠠᠭᠠᠷᠳᠠᠬᠤ᠂ ᠡᠰᠡᠭᠦᠯ᠎ᠡ ᠬᠠᠤᠯᠢ ᠶᠤᠰᠤᠭᠠᠷ ᠬᠦᠨᠳᠡᠯᠡᠨ ᠠᠴᠠ ᠲᠠᠰᠤᠯᠤᠭᠤᠯᠬᠤ ᠪᠠᠷ ᠭᠤᠶᠤᠴᠢᠯᠠᠬᠤ᠂ | ᠵᠠᠭᠠᠯᠳᠤᠬᠤ ᠡᠷᠬᠡ ᠲᠠᠢ᠃ | ᠲᠠᠯᠠᠨ ᠨᠠᠢᠮᠠᠳᠤᠭᠠᠷ ᠵᠦᠢᠯ ᠠᠵᠢᠯᠴᠢᠨ ᠤ ᠡᠪᠯᠡᠯ ᠬᠦᠳᠡᠯᠮᠤᠷᠢᠴᠢᠨ ᠤ ᠬᠠᠤᠯᠢ ᠶᠤᠰᠤᠨ ᠤ ᠡᠷᠬᠡ ᠠᠰᠢᠬ ᠢ ᠬᠠᠤᠯᠢ ᠶᠤᠰᠤᠭᠠᠷ ᠬᠠᠮᠠᠭᠠᠯᠠᠵᠤ᠂ ᠬᠦᠮᠦᠨ | ᠬᠡᠷᠡᠭᠯᠡᠬᠦ ᠨᠢᠭᠡᠴᠡ ᠶᠢᠨ ᠬᠦᠳᠡᠯᠮᠤᠷᠢ ᠶᠢᠨ ᠭᠡᠷ᠎ᠡ᠂ ᠬᠠᠮᠳᠤ ᠶᠢᠨ ᠭᠡᠷ᠎ᠡ ᠶᠢ ᠬᠡᠷᠡᠭᠵᠢᠭᠦᠯᠵᠤ ᠪᠠᠶᠢᠭ᠎ᠠ ᠪᠠᠶᠢᠳᠠᠯ ᠳᠤ ᠬᠢᠨᠠᠯᠳᠠ ᠲᠠᠯᠪᠢᠨ᠎ᠠ᠃ ᠬᠦᠮᠦᠨ ᠬᠡᠷᠡᠭᠯᠡᠬᠦ ᠨᠢᠭᠡᠴᠡ ᠨᠢ | ᠬᠦᠳᠡᠯᠮᠤᠷᠢ ᠶᠢᠨ ᠬᠠᠤᠯᠢ ᠴᠠᠭᠠᠵᠠ᠂ ᠬᠠᠤᠯᠢ ᠲᠤᠬᠳᠠᠭᠠᠯ ᠪᠠ ᠬᠦᠳᠡᠯᠮᠤᠷᠢ ᠶᠢᠨ ᠭᠡᠷ᠎ᠡ᠂ ᠬᠠᠮᠳᠤ ᠶᠢᠨ ᠭᠡᠷ᠎ᠡ ᠶᠢ ᠵᠦᠷᠢᠴᠡᠭᠰᠡᠨ ᠪᠠᠶᠢᠪᠠᠯ᠂ ᠠᠵᠢᠯᠴᠢᠨ ᠤ ᠡᠪᠯᠡᠯ ᠰᠠᠨᠠᠯ | ᠲᠤᠷᠠᠳᠬᠤ ᠪᠤᠶᠤ ᠵᠠᠯᠠᠷᠠᠭᠤᠯᠤᠭᠤᠯᠬᠤ ᠪᠠᠷ ᠱᠠᠭᠠᠷᠳᠠᠬᠤ ᠡᠷᠬᠡ ᠲᠠᠢ᠃ ᠬᠦᠳᠡᠯᠮᠤᠷᠢᠴᠢᠨ ᠬᠦᠨᠳᠡᠯᠡᠨ ᠠᠴᠠ ᠲᠠᠰᠤᠯᠤᠭᠤᠯᠬᠤ ᠪᠠᠷ ᠭᠤᠶᠤᠴᠢᠯᠠᠵᠤ ᠵᠠᠭᠠᠯᠳᠤᠬᠰᠠᠨ | ᠪᠠᠶᠢᠪᠠᠯ᠂ ᠠᠵᠢᠯᠴᠢᠨ ᠤ ᠡᠪᠯᠡᠯ ᠬᠠᠤᠯᠢ ᠶᠤᠰᠤᠭᠠᠷ ᠲᠡᠮᠵᠢᠵᠤ ᠬᠠᠪᠰᠤᠷᠬᠤ ᠬᠡᠷᠡᠭᠳᠠᠢ᠃ | ᠲᠠᠯ᠎ᠠ ᠶᠢᠰᠦᠳᠦᠭᠡᠷ ᠵᠦᠢᠯ ᠶᠠᠮᠠᠷᠪᠠ ᠵᠤᠬᠢᠶᠠᠨ ᠪᠠᠶᠢᠭᠤᠯᠤᠯᠳᠠ ᠪᠤᠶᠤ ᠬᠤᠪᠢ ᠬᠦᠮᠦᠨ ᠴᠦᠮ ᠲᠤᠰ ᠬᠠᠤᠯᠢ ᠶᠢ ᠵᠦᠷᠢᠴᠡᠭᠰᠡᠨ ᠦᠢᠯᠡ ᠠᠵᠢᠯᠯᠠᠭ᠎ᠠ ᠶᠢ | ᠢᠯᠡᠴᠢᠯᠡᠨ ᠵᠠᠭᠠᠯᠳᠤᠬᠤ ᠡᠷᠬᠡ ᠲᠠᠢ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠬ ᠤᠨ ᠤᠷᠳᠤᠨ ᠤ ᠬᠦᠳᠡᠯᠮᠤᠷᠢ ᠶᠢᠨ ᠵᠠᠰᠠᠬ ᠵᠠᠬᠢᠷᠭᠠᠨ ᠤ ᠰᠠᠯᠠᠭ᠎ᠠ | ᠮᠦᠴᠢᠷ ᠤᠳ ᠴᠠᠬ ᠲᠤᠬᠠᠢ ᠳᠤᠨᠢ ᠬᠢᠨᠠᠨ ᠮᠠᠭᠠᠳᠯᠠᠵᠤ᠂ ᠰᠢᠢᠳᠪᠤᠷᠢᠯᠡᠬᠦ ᠪᠦᠭᠡᠳ ᠢᠯᠡᠴᠢᠯᠡᠨ ᠵᠠᠭᠠᠯᠳᠤᠬᠰᠠᠨ ᠭᠠᠪᠢᠶ᠎ᠠ ᠲᠠᠢ ᠬᠦᠮᠦᠰ ᠢ ᠱᠠᠩᠨᠠᠬᠤ ᠬᠡᠷᠡᠭᠳᠠᠢ᠃ | | ᠲᠤᠯᠤᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | | | ᠨᠠᠶᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠡ ᠶᠢᠨ ᠬᠦᠳᠡᠯᠮᠤᠷᠢᠴᠢᠨ ᠤ ᠲᠤᠰ ᠪᠡᠶ᠎ᠡ ᠶᠢᠨ ᠠᠰᠢᠬ ᠲᠤᠰᠠ ᠳᠤ ᠰᠢᠭᠤᠳ ᠬᠤᠯᠪᠤᠬᠳᠠᠬᠰᠠᠨ ᠲᠦᠷᠢᠮ | ᠲᠤᠬᠳᠠᠭᠠᠯ ᠨᠢ ᠬᠠᠤᠯᠢ ᠴᠠᠭᠠᠵᠠ᠂ ᠬᠠᠤᠯᠢ ᠲᠤᠬᠳᠠᠭᠠᠯ ᠤᠨ ᠲᠤᠬᠳᠠᠭᠠᠯ ᠠᠴᠠ ᠵᠦᠷᠢᠴᠡᠭᠰᠡᠨ ᠪᠠᠶᠢᠪᠠᠯ᠂ ᠬᠦᠳᠡᠯᠮᠤᠷᠢ ᠶᠢᠨ ᠵᠠᠰᠠᠬ ᠵᠠᠬᠢᠷᠭᠠᠨ ᠤ ᠰᠠᠯᠠᠭ᠎ᠠ | ᠮᠦᠴᠢᠷ ᠠᠴᠠ ᠵᠠᠷᠯᠢᠬᠳᠠᠨ ᠵᠠᠯᠠᠷᠠᠭᠤᠯᠤᠭᠤᠯᠵᠤ᠂ ᠰᠡᠷᠡᠮᠵᠢ ᠦᠭᠭᠦᠨ᠎ᠡ︔ ᠬᠦᠳᠡᠯᠮᠤᠷᠢᠴᠢᠨ ᠳᠤ ᠬᠤᠬᠢᠷᠠᠯ ᠤᠴᠠᠷᠠᠭᠤᠯᠤᠬᠰᠠᠨ ᠪᠠᠶᠢᠪᠠᠯ ᠲᠦᠯᠦᠬᠦ ᠬᠠᠷᠢᠭᠤᠴᠠᠯᠭ᠎ᠠ | ᠡᠭᠦᠷᠭᠡᠯᠡᠬᠦ ᠬᠡᠷᠡᠭᠳᠠᠢ᠃ | ᠨᠠᠶᠠᠨ ᠨᠢᠭᠡᠳᠤᠭᠡᠷ ᠵᠦᠢᠯ ᠬᠦᠮᠦᠨ ᠬᠡᠷᠡᠭᠯᠡᠬᠦ ᠨᠢᠭᠡᠴᠡ ᠶᠢᠨ ᠬᠠᠩᠭᠠᠬᠰᠠᠨ ᠬᠦᠳᠡᠯᠮᠤᠷᠢ ᠶᠢᠨ ᠭᠡᠷ᠎ᠡ ᠶᠢᠨ ᠪᠢᠴᠢᠭ ᠲᠤ ᠲᠤᠰ ᠬᠠᠤᠯᠢ ᠳᠤ ᠲᠤᠬᠳᠠᠭᠠᠬᠰᠠᠨ | ᠬᠦᠳᠡᠯᠮᠤᠷᠢ ᠶᠢᠨ ᠭᠡᠷ᠎ᠡ ᠶᠢᠨ ᠡᠷᠬᠡᠪᠰᠢ ᠪᠦᠷᠢᠯᠳᠦᠭᠦᠯᠬᠦ ᠴᠢᠬᠤᠯᠠ ᠲᠠᠢ ᠵᠦᠢᠯ ᠪᠠᠳᠠᠬ ᠢ ᠲᠤᠳᠤᠷᠬᠠᠢ ᠲᠡᠮᠳᠡᠭᠯᠡᠭᠰᠡᠨ ᠦᠭᠡᠢ ᠪᠤᠶᠤ ᠬᠦᠮᠦᠨ ᠬᠡᠷᠡᠭᠯᠡᠬᠦ ᠨᠢᠭᠡᠴᠡ ᠨᠢ | ᠬᠦᠳᠡᠯᠮᠤᠷᠢ ᠶᠢᠨ ᠭᠡᠷ᠎ᠡ ᠶᠢᠨ ᠪᠢᠴᠢᠭ ᠢ ᠬᠦᠳᠡᠯᠮᠤᠷᠢᠴᠢᠨ ᠳᠤ ᠦᠭᠭᠦᠭᠰᠡᠨ ᠦᠭᠡᠢ ᠪᠠᠶᠢᠪᠠᠯ᠂ ᠬᠦᠳᠡᠯᠮᠤᠷᠢ ᠶᠢᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠠᠴᠠ | ᠵᠠᠷᠯᠢᠬᠳᠠᠨ ᠵᠠᠯᠠᠷᠠᠭᠤᠯᠤᠭᠤᠯᠤᠨ᠎ᠠ︔ ᠬᠦᠳᠡᠯᠮᠤᠷᠢᠴᠢᠨ ᠳᠤ ᠬᠤᠬᠢᠷᠠᠯ ᠤᠴᠠᠷᠠᠭᠤᠯᠤᠬᠰᠠᠨ ᠪᠠᠶᠢᠪᠠᠯ᠂ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠳᠠᠢ᠃ | ᠨᠠᠶᠠᠨ ᠬᠤᠶᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠡ ᠨᠢ ᠠᠵᠢᠯᠴᠢᠨ ᠬᠡᠷᠡᠭᠯᠡᠭᠰᠡᠨ ᠡᠳᠦᠷ ᠠᠴᠠ ᠡᠬᠢᠯᠡᠨ ᠨᠢᠭᠡ ᠰᠠᠷ᠎ᠠ ᠠᠴᠠ ᠬᠡᠳᠤᠷᠡᠭᠡᠳ ᠪᠦᠬᠦᠯᠢ ᠨᠢᠭᠡ | ᠵᠢᠯ ᠪᠤᠯᠤᠭᠠᠳᠤᠢ ᠬᠤᠭᠤᠴᠠᠭᠠᠨ ᠳᠤ ᠬᠦᠳᠡᠯᠮᠤᠷᠢᠴᠢᠨ ᠲᠠᠢ ᠪᠢᠴᠢᠭ ᠢᠶᠠᠷ ᠬᠦᠳᠡᠯᠮᠤᠷᠢ ᠶᠢᠨ ᠭᠡᠷ᠎ᠡ ᠲᠤᠬᠳᠠᠬᠰᠠᠨ ᠦᠭᠡᠢ ᠪᠠᠶᠢᠪᠠᠯ᠂ ᠬᠦᠳᠡᠯᠮᠤᠷᠢᠴᠢᠨ ᠳᠤ ᠰᠠᠷ᠎ᠠ ᠪᠦᠷᠢ | ᠬᠤᠶᠠᠷ ᠲᠠᠬᠢᠨ ᠴᠠᠯᠢᠩ ᠦᠭᠬᠦ ᠬᠡᠷᠡᠭᠳᠠᠢ᠃ ᠬᠦᠮᠦᠨ ᠬᠡᠷᠡᠭᠯᠡᠬᠦ ᠨᠢᠭᠡᠴᠡ ᠲᠤᠰ ᠬᠠᠤᠯᠢ ᠶᠢᠨ ᠲᠤᠬᠳᠠᠭᠠᠯ ᠢ ᠵᠦᠷᠢᠴᠡᠵᠤ ᠬᠦᠳᠡᠯᠮᠤᠷᠢᠴᠢᠨ ᠲᠠᠢ ᠲᠤᠬᠳᠠᠮᠠᠯ ᠪᠤᠰᠤ | ᠬᠤᠭᠤᠴᠠᠭᠠᠨ ᠤ ᠬᠦᠳᠡᠯᠮᠤᠷᠢ ᠶᠢᠨ ᠭᠡᠷ᠎ᠡ ᠶᠢ ᠲᠤᠬᠳᠠᠬᠰᠠᠨ ᠦᠭᠡᠢ ᠪᠠᠶᠢᠪᠠᠯ᠂ ᠲᠤᠬᠳᠠᠮᠠᠯ ᠪᠤᠰᠤ ᠬᠤᠭᠤᠴᠠᠭᠠᠨ ᠤ ᠬᠦᠳᠡᠯᠮᠤᠷᠢ ᠶᠢᠨ ᠭᠡᠷ᠎ᠡ ᠲᠤᠬᠳᠠᠬᠤ ᠶᠤᠰᠤᠳᠠᠢ | ᠡᠳᠦᠷ ᠠᠴᠠ ᠡᠬᠢᠯᠡᠨ ᠬᠦᠳᠡᠯᠮᠤᠷᠢᠴᠢᠨ ᠳᠤ ᠰᠠᠷ᠎ᠠ ᠪᠦᠷᠢ ᠬᠤᠶᠠᠷ ᠲᠠᠬᠢᠨ ᠴᠠᠯᠢᠩ ᠦᠭᠬᠦ ᠬᠡᠷᠡᠭᠳᠠᠢ᠃ | ᠨᠠᠶᠠᠨ ᠭᠤᠷᠪᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠡ ᠲᠤᠰ ᠬᠠᠤᠯᠢ ᠶᠢᠨ ᠲᠤᠬᠳᠠᠭᠠᠯ ᠢ ᠵᠦᠷᠢᠴᠡᠵᠤ ᠬᠦᠳᠡᠯᠮᠤᠷᠢᠴᠢᠨ ᠲᠠᠢ ᠲᠤᠷᠰᠢᠨ ᠬᠡᠷᠡᠭᠯᠡᠬᠦ | ᠬᠤᠭᠤᠴᠠᠭ᠎ᠠ ᠶᠢ ᠪᠤᠯᠵᠤᠨ ᠲᠤᠬᠳᠠᠬᠰᠠᠨ ᠪᠠᠶᠢᠪᠠᠯ᠂ ᠬᠦᠳᠡᠯᠮᠤᠷᠢ ᠶᠢᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠬᠳᠠᠨ ᠵᠠᠯᠠᠷᠠᠭᠤᠯᠤᠭᠤᠯᠤᠨ᠎ᠠ︔ | ᠬᠠᠤᠯᠢ ᠠᠴᠠ ᠵᠦᠷᠢᠴᠡᠵᠤ ᠪᠤᠯᠵᠤᠨ ᠲᠤᠬᠳᠠᠬᠰᠠᠨ ᠲᠤᠷᠰᠢᠨ ᠬᠡᠷᠡᠭᠯᠡᠬᠦ ᠬᠤᠭᠤᠴᠠᠭ᠎ᠠ ᠶᠢ ᠨᠢᠭᠡᠨᠳᠡ ᠭᠦᠢᠴᠡᠳᠭᠡᠭᠰᠡᠨ ᠪᠠᠶᠢᠪᠠᠯ᠂ ᠬᠦᠮᠦᠨ ᠬᠡᠷᠡᠭᠯᠡᠬᠦ ᠨᠢᠭᠡᠴᠡ ᠨᠢ | ᠬᠦᠳᠡᠯᠮᠤᠷᠢᠴᠢᠨ ᠤ ᠲᠤᠷᠰᠢᠨ ᠬᠡᠷᠡᠭᠯᠡᠬᠦ ᠬᠤᠭᠤᠴᠠᠭ᠎ᠠ ᠲᠦᠭᠦᠷᠦᠭᠰᠡᠨ ᠤ ᠲᠠᠷᠠᠭᠠᠬᠢ ᠰᠠᠷ᠎ᠠ ᠶᠢᠨ ᠴᠠᠯᠢᠩ ᠢᠶᠠᠷ ᠪᠠᠷᠢᠮᠵᠢᠶ᠎ᠠ ᠪᠤᠯᠭᠠᠵᠤ᠂ ᠬᠠᠤᠯᠢ ᠪᠠᠷ ᠪᠤᠯᠵᠤᠨ | ᠲᠤᠬᠳᠠᠬᠰᠠᠨ ᠲᠤᠷᠰᠢᠨ ᠬᠡᠷᠡᠭᠯᠡᠬᠦ ᠬᠤᠭᠤᠴᠠᠭ᠎ᠠ ᠠᠴᠠ ᠨᠢᠭᠡᠨᠳᠡ ᠬᠡᠳᠦᠷᠡᠳᠡᠯ᠎ᠡ ᠭᠦᠢᠴᠡᠳᠭᠡᠭᠰᠡᠨ ᠬᠤᠭᠤᠴᠠᠭ᠎ᠠ ᠪᠠᠷ ᠬᠦᠳᠡᠯᠮᠤᠷᠢᠴᠢᠨ ᠳᠤ ᠲᠦᠯᠦᠪᠤᠷᠢ ᠶᠢᠨ ᠮᠦᠡᠭᠬᠦ | ᠦᠭᠭᠦᠨ᠎ᠡ᠃ | ᠨᠠᠶᠠᠨ ᠲᠦᠷᠪᠡᠳᠦᠭᠡᠷ ᠵᠦᠢᠯ ᠬᠦᠮᠦᠨ ᠬᠡᠷᠡᠭᠯᠡᠬᠦ ᠨᠢᠭᠡᠴᠡ ᠲᠤᠰ ᠬᠠᠤᠯᠢ ᠶᠢᠨ ᠲᠤᠬᠳᠠᠭᠠᠯ ᠢ ᠵᠦᠷᠢᠴᠡᠵᠤ᠂ ᠬᠦᠳᠡᠯᠮᠤᠷᠢᠴᠢᠨ ᠤ ᠰᠠᠭᠤᠭᠠᠯᠢ ᠠᠷᠠᠳ ᠤᠨ | ᠪᠡᠶ᠎ᠡ ᠶᠢᠨ ᠦᠨᠡᠮᠯᠡᠯ ᠵᠡᠷᠭᠡ ᠦᠨᠡᠮᠯᠡᠯ ᠢ ᠲᠠᠷᠤᠵᠤ ᠠᠪᠤᠬᠰᠠᠨ ᠪᠠᠶᠢᠪᠠᠯ᠂ ᠬᠦᠳᠡᠯᠮᠤᠷᠢ ᠶᠢᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠠᠴᠠ ᠬᠤᠭᠤᠴᠠᠭ᠎ᠠ ᠲᠤᠬᠳᠠᠭᠠᠨ | ᠬᠦᠳᠡᠯᠮᠤᠷᠢᠴᠢᠨ ᠲᠤᠰ ᠬᠦᠮᠦᠨ ᠳᠤᠨᠢ ᠪᠤᠴᠠᠭᠠᠨ ᠦᠭᠭᠦᠭᠦᠯᠬᠦ ᠪᠠᠷ ᠵᠠᠷᠯᠢᠬᠳᠠᠬᠤ ᠶᠢᠨ ᠬᠠᠮᠳᠤ ᠬᠤᠯᠪᠤᠬᠳᠠᠯ ᠪᠦᠬᠦᠢ ᠬᠠᠤᠯᠢ ᠴᠠᠭᠠᠵᠠ ᠶᠢᠨ ᠲᠤᠬᠳᠠᠭᠠᠯ ᠶᠤᠰᠤᠭᠠᠷ | ᠰᠢᠢᠳᠭᠡᠨ᠎ᠡ᠃ | ᠬᠦᠮᠦᠨ ᠬᠡᠷᠡᠭᠯᠡᠬᠦ ᠨᠢᠭᠡᠴᠡ ᠲᠤᠰ ᠬᠠᠤᠯᠢ ᠶᠢᠨ ᠲᠤᠬᠳᠠᠭᠠᠯ ᠢ ᠵᠦᠷᠢᠴᠡᠵᠤ᠂ ᠲᠠᠭᠠᠭᠠᠯᠳᠠ ᠬᠢᠬᠦ ᠪᠤᠶᠤ ᠪᠤᠰᠤᠳ ᠨᠡᠷ᠎ᠡ ᠪᠠᠷ ᠬᠦᠳᠡᠯᠮᠤᠷᠢᠴᠢᠨ ᠤ ᠡᠳ᠋ | ᠬᠤᠬᠰᠢᠯ ᠢ ᠬᠤᠷᠢᠶᠠᠵᠤ ᠠᠪᠤᠬᠰᠠᠨ ᠪᠠᠶᠢᠪᠠᠯ᠂ ᠬᠦᠳᠡᠯᠮᠤᠷᠢ ᠶᠢᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠠᠴᠠ ᠬᠤᠭᠤᠴᠠᠭ᠎ᠠ ᠲᠤᠬᠳᠠᠭᠠᠨ ᠬᠦᠳᠡᠯᠮᠤᠷᠢᠴᠢᠨ ᠲᠤᠰ | ᠬᠦᠮᠦᠨ ᠳᠤᠨᠢ ᠪᠤᠴᠠᠭᠠᠨ ᠦᠭᠭᠦᠭᠦᠯᠬᠦ ᠪᠠᠷ ᠵᠠᠷᠯᠢᠬᠳᠠᠬᠤ ᠶᠢᠨ ᠬᠠᠮᠳᠤ ᠬᠦᠮᠦᠨ ᠪᠦᠷᠢ ᠶᠢ ᠲᠠᠪᠤᠨ ᠵᠠᠭᠤᠨ ᠲᠦᠭᠦᠷᠢᠭ ᠠᠴᠠ ᠲᠡᠭᠡᠭᠰᠢ ᠬᠤᠶᠠᠷ ᠮᠢᠩᠭᠠᠨ | ᠲᠦᠭᠦᠷᠢᠭ ᠠᠴᠠ ᠲᠤᠭᠤᠬᠰᠢ ᠪᠠᠷᠢᠮᠵᠢᠶ᠎ᠡ ᠪᠠᠷ ᠵᠤᠭᠤᠰ ᠢᠶᠠᠷ ᠲᠤᠷᠭᠠᠨ᠎ᠠ︔ ᠬᠦᠳᠡᠯᠮᠤᠷᠢᠴᠢᠨ ᠳᠤ ᠬᠤᠬᠢᠷᠠᠯ ᠤᠴᠠᠷᠠᠭᠤᠯᠤᠬᠰᠠᠨ ᠪᠠᠶᠢᠪᠠᠯ᠂ ᠲᠦᠯᠦᠬᠦ ᠬᠠᠷᠢᠭᠤᠴᠠᠯᠭ᠎ᠠ | ᠡᠭᠦᠷᠬᠡᠯᠡᠬᠦ ᠬᠡᠷᠡᠭᠳᠠᠢ᠃ ᠬᠦᠳᠡᠯᠮᠤᠷᠢᠴᠢᠨ ᠬᠠᠤᠯᠢ ᠶᠤᠰᠤᠭᠠᠷ ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠤ ᠪᠤᠶᠤ ᠲᠠᠭᠤᠰᠬᠠᠬᠤ ᠳᠤ ᠬᠦᠮᠦᠨ ᠬᠡᠷᠡᠭᠯᠡᠬᠦ | ᠨᠢᠭᠡᠴᠡ ᠨᠢ ᠬᠦᠳᠡᠯᠮᠤᠷᠢᠴᠢᠨ ᠤ ᠲᠠᠩᠰᠠ ᠡᠪᠬᠡᠮᠡᠯ ᠪᠤᠶᠤ ᠪᠤᠰᠤᠳ ᠡᠳ᠋ ᠪᠤᠳᠠᠰ ᠢ ᠲᠠᠷᠤᠵᠤ ᠠᠪᠤᠬᠰᠠᠨ ᠪᠠᠶᠢᠪᠠᠯ᠂ ᠡᠮᠦᠨᠡᠬᠢ ᠪᠠᠳᠠᠬ ᠤᠨ ᠲᠤᠬᠳᠠᠭᠠᠯ ᠶᠤᠰᠤᠭᠠᠷ | ᠰᠢᠢᠳᠭᠡᠨ᠎ᠡ᠃ | ᠨᠠᠶᠠᠨ ᠲᠠᠪᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠡ ᠳᠤ ᠲᠤᠤᠷ᠎ᠠ ᠵᠢᠬᠰᠠᠭᠠᠬᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠬᠦᠳᠡᠯᠮᠤᠷᠢ ᠶᠢᠨ ᠵᠠᠰᠠᠬ | ᠵᠠᠬᠢᠷᠭᠠᠨ ᠤ ᠰᠠᠯᠠᠭ᠎ᠠ ᠮᠦᠴᠢᠷ ᠠᠴᠠ ᠬᠤᠭᠤᠴᠠᠭ᠎ᠠ ᠲᠤᠬᠳᠠᠭᠠᠨ ᠬᠦᠳᠡᠯᠮᠤᠷᠢ ᠶᠢᠨ ᠤᠯᠭᠤᠮᠵᠢ᠂ ᠴᠠᠬ ᠤᠷᠳᠤᠳᠬᠠᠵᠤ ᠠᠵᠢᠯᠯᠠᠬᠰᠠᠨ ᠮᠦᠡᠭᠬᠦ ᠪᠤᠶᠤ ᠠᠵᠤ | ᠠᠬᠤᠢ ᠶᠢᠨ ᠨᠦᠬᠦᠪᠤᠷᠢ ᠵᠤᠭᠤᠰ ᠦᠭᠭᠦᠭᠦᠯᠬᠦ ᠪᠠᠷ ᠵᠠᠷᠯᠢᠬᠳᠠᠨ᠎ᠠ︔ ᠬᠦᠳᠡᠯᠮᠤᠷᠢ ᠶᠢᠨ ᠤᠯᠭᠤᠮᠵᠢ ᠨᠢ ᠲᠤᠬᠠᠢ ᠶᠢᠨ ᠭᠠᠵᠠᠷ ᠤᠨ ᠬᠠᠮᠤᠬ ᠤᠨ ᠲᠤᠤᠷ᠎ᠠ ᠴᠠᠯᠢᠩ ᠤᠨ | ᠪᠠᠷᠢᠮᠵᠢᠶ᠎ᠡ ᠠᠴᠠ ᠲᠤᠤᠷ᠎ᠠ ᠪᠠᠶᠢᠪᠠᠯ ᠲᠡᠭᠦᠨ ᠤ ᠵᠦᠷᠢᠶᠡᠳᠤ ᠲᠤᠭᠠᠨ ᠤ ᠬᠡᠰᠡᠭ ᠢ ᠨᠢ ᠦᠭᠬᠦ ᠬᠡᠷᠡᠭᠳᠠᠢ︔ ᠬᠤᠭᠤᠴᠠᠭ᠎ᠠ ᠨᠢ ᠬᠡᠳᠤᠷᠡᠭᠰᠡᠨ ᠪᠠᠶᠢᠳᠠᠯ᠎ᠠ ᠦᠭᠭᠦᠭᠰᠡᠨ ᠦᠭᠡᠢ | ᠪᠠᠶᠢᠪᠠᠯ᠂ ᠬᠦᠮᠦᠨ ᠬᠡᠷᠡᠭᠯᠡᠬᠦ ᠨᠢᠭᠡᠴᠡ ᠶᠢ ᠵᠠᠷᠯᠢᠬᠳᠠᠨ ᠲᠤᠰᠢᠶᠠᠪᠠᠰᠤ ᠵᠤᠬᠢᠬᠤ ᠵᠤᠭᠤᠰ ᠤᠨ ᠲᠤᠭᠠᠨ ᠤ ᠵᠠᠭᠤᠨ ᠤ ᠲᠠᠪᠢ ᠠᠴᠠ ᠲᠡᠭᠡᠭᠰᠢ ᠵᠠᠭᠤᠨ ᠤ ᠵᠠᠭᠤ ᠠᠴᠠ | ᠲᠤᠭᠤᠬᠰᠢ ᠪᠠᠷᠢᠮᠵᠢᠶ᠎ᠡ ᠪᠠᠷ ᠬᠦᠳᠡᠯᠮᠤᠷᠢᠴᠢᠨ ᠳᠤ ᠲᠦᠯᠤᠪᠤᠷᠢ ᠮᠦᠡᠭᠬᠦ ᠨᠡᠮᠡᠵᠤ ᠦᠭᠭᠦᠭᠦᠯᠤᠨᠡ᠄ | ︵ᠨᠢᠭᠡ︶ ᠬᠦᠳᠡᠯᠮᠤᠷᠢ ᠶᠢᠨ ᠭᠡᠷ᠎ᠡ ᠶᠢᠨ ᠪᠤᠯᠵᠤᠯ ᠶᠤᠰᠤᠭᠠᠷ ᠪᠤᠶᠤ ᠤᠯᠤᠰ ᠤᠨ ᠲᠤᠬᠳᠠᠭᠠᠯ ᠶᠤᠰᠤᠭᠠᠷ ᠬᠦᠳᠡᠯᠮᠤᠷᠢᠴᠢᠨ ᠤ ᠬᠦᠳᠡᠯᠮᠤᠷᠢ ᠶᠢᠨ ᠤᠯᠭᠤᠮᠵᠢ ᠶᠢ | ᠴᠠᠬ ᠲᠤᠬᠠᠢ ᠳᠤᠨᠢ ᠭᠦᠢᠴᠡᠳ ᠲᠤᠭ᠎ᠠ ᠪᠠᠷ ᠦᠯᠦ ᠦᠭᠭᠦᠭᠰᠡᠨ︔ ︵ᠬᠤᠶᠠᠷ︶ ᠲᠤᠬᠠᠢ ᠶᠢᠨ ᠭᠠᠵᠠᠷ ᠤᠨ ᠨᠠᠭᠠᠳᠤ ᠵᠠᠬ᠎ᠠ ᠶᠢᠨ ᠴᠠᠯᠢᠩ ᠤᠨ ᠪᠠᠷᠢᠮᠵᠢᠶ᠎ᠡ ᠠᠴᠠ | ᠲᠤᠤᠷ᠎ᠠ ᠪᠠᠷᠢᠮᠵᠢᠶ᠎ᠠ ᠪᠠᠷ ᠬᠦᠳᠡᠯᠮᠤᠷᠢᠴᠢᠨ ᠳᠤ ᠴᠠᠯᠢᠩ ᠦᠭᠭᠦᠭᠰᠡᠨ︔ ︵ᠭᠤᠷᠪᠠ︶ ᠴᠠᠬ ᠤᠷᠳᠤᠳᠬᠠᠵᠤ ᠠᠵᠢᠯᠯᠠᠬᠤ ᠶᠢ ᠲᠤᠬᠢᠷᠠᠭᠤᠯᠤᠭᠠᠳ ᠴᠠᠬ ᠨᠡᠮᠡᠵᠤ | ᠠᠵᠢᠯᠯᠠᠬᠰᠠᠨ ᠮᠦᠡᠭᠬᠦ ᠶᠢ ᠦᠯᠦ ᠦᠭᠭᠦᠭᠰᠡᠨ︔ | ︵ᠲᠦᠷᠪᠡ︶ ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠤ ᠪᠤᠶᠤ ᠲᠠᠭᠤᠰᠬᠠᠬᠤ ᠳᠤ ᠲᠤᠰ ᠬᠠᠤᠯᠢ ᠶᠢᠨ ᠲᠤᠬᠳᠠᠭᠠᠯ ᠶᠤᠰᠤᠭᠠᠷ | ᠬᠦᠳᠡᠯᠮᠤᠷᠢᠴᠢᠨ ᠳᠤ ᠠᠵᠤ ᠠᠬᠤᠢ ᠶᠢᠨ ᠨᠦᠬᠦᠪᠤᠷᠢ ᠦᠯᠦ ᠦᠭᠭᠦᠭᠰᠡᠨ᠃ | ᠨᠠᠶᠠᠨ ᠵᠢᠷᠭᠤᠳᠤᠭᠠᠷ ᠵᠦᠢᠯ ᠬᠦᠳᠡᠯᠮᠤᠷᠢ ᠶᠢᠨ ᠭᠡᠷ᠎ᠡ ᠨᠢ ᠲᠤᠰ ᠬᠠᠤᠯᠢ ᠶᠢᠨ ᠬᠤᠷᠢᠨ ᠵᠢᠷᠭᠤᠳᠤᠭᠠᠷ ᠵᠦᠢᠯ ᠤᠨ ᠲᠤᠬᠳᠠᠭᠠᠯ ᠶᠤᠰᠤᠭᠠᠷ ᠬᠦᠴᠦᠨ ᠦᠭᠡᠢ | ᠭᠡᠵᠤ ᠨᠤᠳᠠᠯᠠᠬᠳᠠᠭᠠᠳ᠂ ᠨᠦᠭᠦᠭᠡ ᠡᠳᠡᠭᠡᠳ ᠲᠡᠭᠡᠨ ᠬᠤᠬᠢᠷᠠᠯ ᠤᠴᠠᠷᠠᠭᠤᠯᠤᠬᠰᠠᠨ ᠪᠠᠶᠢᠪᠠᠯ᠂ ᠠᠯᠳᠠᠭ᠎ᠠ ᠲᠠᠢ ᠨᠢᠭᠡ ᠡᠳᠡᠭᠡᠳ ᠨᠢ ᠲᠦᠯᠦᠬᠦ ᠬᠠᠷᠢᠭᠤᠴᠠᠯᠭ᠎ᠠ ᠶᠢ | ᠡᠭᠦᠷᠬᠡᠯᠡᠬᠦ ᠬᠡᠷᠡᠭᠳᠠᠢ᠃ | ᠨᠠᠶᠠᠨ ᠲᠤᠯᠤᠳᠤᠭᠠᠷ ᠵᠦᠢᠯ ᠬᠦᠮᠦᠨ ᠬᠡᠷᠡᠭᠯᠡᠬᠦ ᠨᠢᠭᠡᠴᠡ ᠨᠢ ᠲᠤᠰ ᠬᠠᠤᠯᠢ ᠶᠢᠨ ᠲᠤᠬᠳᠠᠭᠠᠯ ᠢ ᠵᠦᠷᠢᠴᠡᠨ ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ | ᠪᠤᠯᠭᠠᠬᠰᠠᠨ ᠪᠤᠶᠤ ᠲᠠᠭᠤᠰᠬᠠᠬᠰᠠᠨ ᠪᠠᠶᠢᠪᠠᠯ᠂ ᠲᠤᠰ ᠬᠠᠤᠯᠢ ᠶᠢᠨ ᠲᠦᠴᠢᠨ ᠲᠤᠯᠤᠳᠤᠭᠠᠷ ᠵᠦᠢᠯ ᠳᠤ ᠲᠤᠬᠳᠠᠭᠠᠬᠰᠠᠨ ᠠᠵᠤ ᠠᠬᠤᠢ ᠶᠢᠨ ᠨᠦᠬᠦᠪᠤᠷᠢ ᠦᠭᠬᠦ | ᠪᠠᠷᠢᠮᠵᠢᠶ᠎ᠠ ᠶᠢᠨ ᠬᠤᠶᠠᠷ ᠲᠠᠬᠢᠨ ᠢᠶᠠᠷ ᠬᠦᠳᠡᠯᠮᠤᠷᠢᠴᠢᠨ ᠳᠤ ᠲᠦᠯᠦᠪᠤᠷᠢ ᠶᠢᠨ ᠮᠦᠡᠭᠬᠦ ᠦᠭᠬᠦ ᠬᠡᠷᠡᠭᠳᠠᠢ᠃ | ᠨᠠᠶᠠᠨ ᠨᠠᠢᠮᠠᠳᠤᠭᠠᠷ ᠵᠦᠢᠯ ᠬᠦᠮᠦᠨ ᠬᠡᠷᠡᠭᠯᠡᠬᠦ ᠨᠢᠭᠡᠴᠡ ᠳᠤ ᠲᠤᠤᠷ᠎ᠠ ᠵᠢᠬᠰᠠᠭᠠᠬᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠬᠠᠤᠯᠢ ᠶᠤᠰᠤᠭᠠᠷ ᠵᠠᠰᠠᠬ | ᠵᠠᠬᠢᠷᠭᠠᠨ ᠤ ᠰᠢᠢᠳᠭᠡᠯ ᠦᠭᠭᠦᠨ᠎ᠡ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︔ | ᠬᠦᠳᠡᠯᠮᠤᠷᠢᠴᠢᠨ ᠳᠤ ᠬᠤᠬᠢᠷᠠᠯ ᠤᠴᠠᠷᠠᠭᠤᠯᠤᠬᠰᠠᠨ ᠪᠠᠶᠢᠪᠠᠯ᠂ ᠲᠦᠯᠦᠬᠦ ᠬᠠᠷᠢᠭᠤᠴᠠᠯᠭ᠎ᠠ ᠡᠭᠦᠷᠬᠡᠯᠡᠬᠦ ᠬᠡᠷᠡᠭᠳᠠᠢ᠄ | ︵ᠨᠢᠭᠡ︶ ᠬᠦᠴᠦᠷᠬᠡᠭᠯᠡᠬᠦ᠂ ᠰᠦᠷᠳᠡᠭᠦᠯᠬᠦ ᠪᠤᠶᠤ ᠬᠦᠮᠦᠨ ᠤ ᠪᠡᠶ᠎ᠡ ᠶᠢᠨ ᠡᠷᠬᠡ ᠴᠢᠯᠦᠭᠡ ᠶᠢ ᠬᠠᠤᠯᠢ ᠪᠤᠰᠤ ᠪᠠᠷ ᠬᠢᠵᠠᠭᠠᠷᠯᠠᠬᠤ ᠠᠷᠭ᠎ᠠ ᠪᠠᠷ ᠠᠯᠪᠠᠳᠠᠨ | ᠬᠦᠳᠡᠯᠮᠤᠷᠢᠯᠡᠭᠦᠯᠦᠭᠰᠡᠨ︔ | ︵ᠬᠤᠶᠠᠷ︶ ᠲᠦᠷᠢᠮ ᠲᠤᠬᠳᠠᠭᠠᠯ ᠢ ᠵᠦᠷᠢᠴᠡᠨ ᠵᠢᠯᠤᠭᠤᠳᠤᠭᠠᠳ᠂ ᠡᠰᠡᠭᠦᠯ᠎ᠡ ᠠᠯᠪᠠᠳᠠᠨ ᠠᠶᠤᠯ ᠲᠦᠭᠰᠢᠭᠦᠷᠢᠳᠠᠢ ᠠᠵᠢᠯ ᠬᠢᠯᠭᠡᠭᠡᠳ ᠬᠦᠳᠡᠯᠮᠤᠷᠢᠴᠢᠨ ᠤ | ᠪᠡᠶ᠎ᠡ ᠶᠢᠨ ᠠᠮᠤᠷ ᠲᠦᠪᠰᠢᠨ ᠢ ᠰᠦᠷᠳᠡᠭᠦᠯᠦᠭᠰᠡᠨ︔ | ︵ᠭᠤᠷᠪᠠ︶ ᠬᠦᠳᠡᠯᠮᠤᠷᠢᠴᠢᠨ ᠢ ᠲᠤᠷᠤᠮᠵᠢᠯᠡᠵᠤ᠂ ᠬᠠᠯᠠ ᠦᠵᠡᠭᠦᠯᠵᠤ᠂ ᠵᠤᠳᠤᠵᠤ ᠴᠤᠬᠢᠵᠤ᠂ ᠬᠠᠤᠯᠢ ᠪᠤᠰᠤ ᠪᠠᠷ ᠨᠡᠩᠵᠢᠭᠰᠡᠨ ᠪᠤᠶᠤ ᠬᠤᠷᠢᠬᠰᠠᠨ︔ | ︵ᠲᠦᠷᠪᠡ︶ ᠬᠦᠳᠡᠯᠮᠤᠷᠢ ᠶᠢᠨ ᠨᠦᠬᠦᠴᠡᠯ ᠨᠢ ᠮᠠᠭᠤ᠂ ᠤᠷᠴᠢᠨ ᠠᠬᠤᠢ ᠨᠢ ᠬᠦᠨᠳᠤ ᠨᠤᠴᠢᠳᠠᠢ ᠪᠤᠬᠢᠷᠳᠤᠯ ᠲᠠᠢ ᠪᠠᠶᠢᠵᠤ᠂ ᠬᠦᠳᠡᠯᠮᠤᠷᠢᠴᠢᠨ ᠤ ᠪᠡᠶ᠎ᠡ | ᠰᠡᠳᠭᠢᠯ ᠡᠷᠡᠭᠦᠯ ᠮᠡᠨᠳᠤ ᠶᠢ ᠬᠦᠨᠳᠤ ᠨᠤᠴᠢᠳᠠᠢ ᠬᠤᠬᠢᠷᠠᠭᠤᠯᠤᠬᠰᠠᠨ᠃ | ᠨᠠᠶᠠ ᠶᠢᠰᠦᠳᠦᠭᠡᠷ ᠵᠦᠢᠯ ᠬᠦᠮᠦᠨ ᠬᠡᠷᠡᠭᠯᠡᠬᠦ ᠨᠢᠭᠡᠴᠡ ᠲᠤᠰ ᠬᠠᠤᠯᠢ ᠶᠢᠨ ᠲᠤᠬᠳᠠᠭᠠᠯ ᠢ ᠵᠦᠷᠢᠴᠡᠵᠤ ᠬᠦᠳᠡᠯᠮᠤᠷᠢᠴᠢᠨ ᠳᠤ ᠬᠦᠳᠡᠯᠮᠤᠷᠢ ᠶᠢᠨ ᠭᠡᠷ᠎ᠡ ᠶᠢ | ᠬᠦᠴᠦᠨ ᠦᠭᠡᠢ ᠪᠤᠯᠭᠠᠬᠰᠠᠨ ᠪᠤᠶᠤ ᠲᠠᠭᠤᠰᠬᠠᠬᠰᠠᠨ ᠪᠢᠴᠢᠭ ᠤᠨ ᠭᠡᠷᠡᠴᠢ ᠶᠢ ᠦᠯᠦ ᠦᠭᠭᠦᠭᠰᠡᠨ ᠪᠠᠶᠢᠪᠠᠯ᠂ ᠬᠦᠳᠡᠯᠮᠤᠷᠢ ᠶᠢᠨ ᠵᠠᠰᠠᠬ ᠵᠠᠬᠢᠷᠭᠠᠨ ᠤ ᠰᠠᠯᠠᠭ᠎ᠠ | ᠮᠦᠴᠢᠷ ᠠᠴᠠ ᠵᠠᠷᠯᠢᠬᠳᠠᠨ ᠵᠠᠯᠠᠷᠠᠭᠤᠯᠤᠭᠤᠯᠤᠨ᠎ᠠ︔ ᠬᠦᠳᠡᠯᠮᠤᠷᠢᠴᠢᠨ ᠳᠤ ᠬᠤᠬᠢᠷᠠᠯ ᠤᠴᠠᠷᠠᠭᠤᠯᠤᠬᠰᠠᠨ ᠪᠠᠶᠢᠪᠠᠯ᠂ ᠲᠦᠯᠦᠬᠦ ᠬᠠᠷᠢᠭᠤᠴᠠᠯᠭ᠎ᠠ ᠡᠭᠦᠷᠬᠡᠯᠡᠬᠦ ᠬᠡᠷᠡᠭᠳᠠᠢ᠃ | ᠶᠡᠷᠡᠳᠦᠭᠡᠷ ᠵᠦᠢᠯ ᠬᠦᠳᠡᠯᠮᠤᠷᠢᠴᠢᠨ ᠲᠤᠰ ᠬᠠᠤᠯᠢ ᠶᠢᠨ ᠲᠤᠬᠳᠠᠭᠠᠯ ᠢ ᠵᠦᠷᠢᠴᠡᠨ ᠬᠦᠳᠡᠯᠮᠤᠷᠢ ᠶᠢᠨ ᠭᠡᠷ᠎ᠡ ᠶᠢ ᠬᠦᠴᠦᠨ ᠦᠭᠡᠢ ᠪᠤᠯᠭᠠᠬᠰᠠᠨ᠂ ᠡᠰᠡᠭᠦᠯ᠎ᠡ | ᠬᠦᠳᠡᠯᠮᠤᠷᠢ ᠶᠢᠨ ᠭᠡᠷ᠎ᠡ ᠳᠤ ᠪᠤᠯᠵᠤᠨ ᠲᠤᠬᠳᠠᠬᠰᠠᠨ ᠨᠢᠭᠤᠴᠠ ᠶᠢ ᠬᠠᠮᠠᠭᠠᠯᠠᠬᠤ ᠡᠭᠦᠷᠭᠡ ᠪᠤᠶᠤ ᠠᠵᠢᠯ ᠲᠦᠷᠦᠯ ᠤᠨ ᠦᠷᠢᠰᠦᠯᠳᠦᠭᠡᠨ ᠤ ᠬᠢᠵᠠᠭᠠᠷᠯᠠᠯ ᠢ ᠵᠦᠷᠢᠴᠡᠭᠡᠳ᠂ | ᠬᠦᠮᠦᠨ ᠬᠡᠷᠡᠭᠯᠡᠬᠦ ᠨᠢᠭᠡᠴᠡ ᠳᠤ ᠬᠤᠬᠢᠷᠠᠯ ᠤᠴᠠᠷᠠᠭᠤᠯᠤᠬᠰᠠᠨ ᠪᠠᠶᠢᠪᠠᠯ᠂ ᠲᠦᠯᠦᠬᠦ ᠬᠠᠷᠢᠭᠤᠴᠠᠯᠭ᠎ᠠ ᠡᠭᠦᠷᠬᠡᠯᠡᠬᠦ ᠬᠡᠷᠡᠭᠳᠠᠢ᠃ | ᠶᠡᠷᠡᠨ ᠨᠢᠭᠡᠳᠤᠭᠡᠷ ᠵᠦᠢᠯ ᠬᠦᠮᠦᠨ ᠬᠡᠷᠡᠭᠯᠡᠬᠦ ᠨᠢᠭᠡᠴᠡ ᠨᠢ ᠪᠤᠰᠤᠳ ᠬᠦᠮᠦᠨ ᠬᠡᠷᠡᠭᠯᠡᠬᠦ ᠨᠢᠭᠡᠴᠡ ᠲᠠᠢ ᠬᠦᠳᠡᠯᠮᠤᠷᠢ ᠶᠢᠨ ᠭᠡᠷ᠎ᠡ ᠪᠠᠨ ᠬᠠᠷᠠᠬᠠᠨ ᠬᠦᠴᠦᠨ ᠦᠭᠡᠢ | ᠪᠤᠯᠭᠠᠭᠠᠳᠤᠢ ᠪᠤᠶᠤ ᠲᠠᠭᠤᠰᠬᠠᠬᠰᠠᠨ ᠦᠭᠡᠢ ᠬᠦᠳᠡᠯᠮᠤᠷᠢᠴᠢᠨ ᠢ ᠡᠯᠰᠡᠨ ᠬᠡᠷᠡᠭᠯᠡᠭᠡᠳ᠂ ᠪᠤᠰᠤᠳ ᠬᠦᠮᠦᠨ ᠬᠡᠷᠡᠭᠯᠡᠬᠦ ᠨᠢᠭᠡᠴᠡ ᠳᠤ ᠬᠤᠬᠢᠷᠠᠯ ᠤᠴᠠᠷᠠᠭᠤᠯᠤᠬᠰᠠᠨ 365赢多少钱会被限额_国内有真正的365平台吗_365bet博彩官网 | ᠪᠠᠶᠢᠪᠠᠯ᠂ ᠬᠤᠯᠪᠤᠯᠳᠤᠬᠰᠠᠨ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠳᠠᠢ᠃ | ᠶᠡᠷᠡᠨ ᠬᠤᠶᠠᠳᠤᠭᠠᠷ ᠵᠦᠢᠯ ᠲᠤᠰ ᠬᠠᠤᠯᠢ ᠶᠢᠨ ᠲᠤᠭᠳᠠᠭᠠᠯ ᠢ ᠵᠦᠷᠢᠴᠡᠵᠦ᠂ ᠵᠦᠪᠰᠢᠶᠡᠷᠡᠬᠦᠯᠦᠭᠰᠡᠨ ᠦᠭᠡᠢ ᠪᠠᠷ ᠲᠤᠷ᠎ᠡ ᠪᠠᠷ ᠬᠦᠳᠡᠯᠮᠤᠷᠢ ᠬᠦᠴᠦ ᠲᠤᠮᠢᠯᠠᠬᠤ | ᠠᠵᠢᠯ ᠢ ᠡᠷᠬᠢᠯᠡᠪᠡᠯ᠂ ᠬᠦᠳᠡᠯᠮᠤᠷᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠᠨ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠵᠤᠭᠰᠤᠭᠠᠵᠦ᠂ | ᠬᠠᠤᠯᠢ ᠶᠢ ᠵᠦᠷᠢᠴᠡᠵᠦ ᠤᠯᠤᠭᠰᠠᠨ ᠠᠰᠢᠭ ᠤᠯᠵᠠᠪᠤᠷᠢ ᠶᠢ ᠨᠢ ᠬᠤᠷᠢᠶᠠᠨ ᠠᠪᠴᠦ᠂ ᠬᠠᠮᠳᠦ ᠳᠤᠨᠢ ᠬᠠᠤᠯᠢ ᠶᠢ ᠵᠦᠷᠢᠴᠡᠵᠦ ᠤᠯᠤᠭᠰᠠᠨ ᠠᠰᠢᠭ ᠤᠯᠵᠠᠪᠤᠷᠢ ᠶᠢᠨ | ᠨᠢᠭᠡ ᠲᠠᠬᠢᠨ ᠠᠴᠠ ᠲᠡᠭᠡᠭᠰᠢ ᠲᠠᠪᠤᠨ ᠲᠠᠬᠢᠨ ᠠᠴᠠ ᠲᠤᠭᠤᠭᠰᠢ ᠵᠤᠭᠤᠰ ᠢᠶᠠᠷ ᠲᠤᠷᠭᠠᠨ᠎ᠠ︔ ᠬᠠᠤᠯᠢ ᠶᠢ ᠵᠦᠷᠢᠴᠡᠵᠦ ᠤᠯᠤᠭᠰᠠᠨ ᠠᠰᠢᠭ ᠤᠯᠵᠠᠪᠤᠷᠢ ᠦᠭᠡᠢ ᠪᠤᠯ᠂ | ᠲᠠᠪᠤᠨ ᠲᠦᠮᠡᠨ ᠲᠦᠬᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠵᠦ ᠪᠤᠯᠤᠨ᠎ᠠ᠃ ᠬᠦᠳᠡᠯᠮᠤᠷᠢ ᠬᠦᠴᠦ ᠲᠤᠮᠢᠯᠠᠬᠤ ᠨᠢᠭᠡᠴᠡ᠂ ᠠᠵᠢᠯᠴᠢᠨ ᠬᠡᠷᠡᠭᠯᠡᠬᠦ ᠨᠢᠭᠡᠴᠡ ᠲᠤᠰ | ᠬᠠᠤᠯᠢ ᠶᠢᠨ ᠬᠠᠮᠢᠶ᠎ᠠ ᠪᠦᠬᠦᠢ ᠬᠦᠳᠡᠯᠮᠤᠷᠢ ᠬᠦᠴᠦ ᠲᠤᠮᠢᠯᠠᠬᠤ ᠲᠤᠭᠳᠠᠭᠠᠯ ᠢ ᠵᠦᠷᠢᠴᠡᠭᠰᠡᠨ ᠪᠠᠶᠢᠪᠠᠯ᠂ ᠬᠦᠳᠡᠯᠮᠤᠷᠢ ᠶᠢᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠠᠴᠠ | ᠵᠠᠷᠯᠢᠬᠳᠠᠨ ᠲᠤᠭᠳᠠᠭᠠᠭᠰᠠᠨ ᠬᠤᠭᠤᠴᠠᠭᠠᠨ ᠳᠤ ᠵᠠᠯᠠᠷᠠᠭᠤᠯᠤᠭᠤᠯᠤᠨ᠎ᠠ︔ ᠬᠤᠭᠤᠴᠠᠭ᠎ᠠ ᠭᠡᠳᠦᠷᠡᠭᠡᠳ ᠵᠠᠯᠠᠷᠠᠭᠤᠯᠬᠤ ᠦᠭᠡᠢ ᠪᠠᠶᠢᠪᠠᠯ᠂ ᠬᠦᠮᠦᠨ ᠪᠦᠷᠢ ᠶᠢ ᠲᠠᠪᠤᠨ | ᠮᠢᠩᠭᠠᠨ ᠲᠦᠭᠦᠷᠢᠭ ᠠᠴᠠ ᠲᠡᠭᠡᠭᠰᠢ ᠨᠢᠭᠡ ᠲᠦᠮᠡᠨ ᠲᠦᠭᠦᠷᠢᠭ ᠠᠴᠠ ᠲᠤᠭᠤᠬᠰᠢ ᠪᠠᠷᠢᠮᠵᠢᠶ᠎ᠠ ᠪᠠᠷ ᠵᠤᠭᠤᠰ ᠢᠶᠠᠷ ᠲᠤᠷᠭᠠᠵᠦ᠂ ᠬᠦᠳᠡᠯᠮᠤᠷᠢ ᠬᠦᠴᠦ ᠲᠤᠮᠢᠯᠠᠬᠤ | ᠨᠢᠭᠡᠴᠡ ᠶᠢᠨ ᠬᠦᠳᠡᠯᠮᠤᠷᠢ ᠬᠦᠴᠦ ᠲᠤᠮᠢᠯᠠᠬᠤ ᠠᠵᠢᠯ ᠡᠷᠬᠢᠯᠡᠬᠦ ᠵᠦᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠤᠯᠭᠠᠨ᠎ᠠ᠃ ᠠᠵᠢᠯᠴᠢᠨ | ᠬᠡᠷᠡᠭᠯᠡᠬᠦ ᠨᠢᠭᠡᠴᠡ ᠲᠤᠮᠢᠯᠠᠬᠳᠠᠬᠰᠠᠨ ᠬᠦᠳᠡᠯᠮᠤᠷᠢᠴᠢᠨ ᠳᠤ ᠬᠤᠬᠢᠷᠠᠯ ᠤᠴᠠᠷᠠᠭᠤᠯᠤᠬᠰᠠᠨ ᠪᠠᠶᠢᠪᠠᠯ᠂ ᠬᠦᠳᠡᠯᠮᠤᠷᠢ ᠬᠦᠴᠦ ᠲᠤᠮᠢᠯᠠᠬᠤ ᠨᠢᠭᠡᠴᠡ ᠬᠢᠭᠡᠳ ᠠᠵᠢᠯᠴᠢᠨ | ᠬᠡᠷᠡᠭᠯᠡᠬᠦ ᠨᠢᠭᠡᠴᠡ ᠬᠤᠯᠪᠤᠯᠳᠤᠬᠰᠠᠨ ᠲᠦᠯᠦᠬᠦ ᠬᠠᠷᠢᠭᠤᠴᠠᠯᠭ᠎ᠠ ᠡᠭᠦᠷᠬᠡᠯᠡᠨ᠎ᠡ᠃ | ᠶᠡᠷᠡᠨ ᠭᠤᠷᠪᠠᠳᠤᠭᠠᠷ ᠵᠦᠢᠯ ᠬᠠᠤᠯᠢ ᠶᠤᠰᠤᠨ ᠤ ᠡᠵᠡᠩᠨᠡᠯᠳᠡ ᠶᠢᠨ ᠬᠢᠷᠢ ᠭᠡᠮ ᠢ ᠪᠦᠷᠢᠯᠳᠦᠭᠦᠯᠦᠭᠰᠡᠨ ᠦᠭᠡᠢ ᠬᠦᠮᠦᠨ ᠬᠡᠷᠡᠭᠯᠡᠬᠦ ᠨᠢᠭᠡᠴᠡ ᠶᠢᠨ ᠬᠠᠤᠯᠢ ᠶᠢ | ᠵᠦᠷᠢᠴᠡᠭᠰᠡᠨ ᠶᠠᠯᠠᠳᠤ ᠠᠵᠢᠯᠯᠠᠭ᠎ᠠ ᠠᠴᠠ ᠬᠠᠤᠯᠢ ᠶᠤᠰᠤᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠬᠦᠳᠡᠯᠮᠤᠷᠢᠴᠢᠨ ᠨᠢᠭᠡᠨᠳᠡ ᠬᠦᠳᠡᠯᠮᠤᠷᠢ ᠬᠦᠴᠦ | ᠭᠠᠷᠭᠠᠬᠰᠠᠨ ᠪᠠᠶᠢᠪᠠᠯ᠂ ᠲᠤᠰ ᠨᠢᠭᠡᠴᠡ ᠪᠤᠶᠤ ᠲᠡᠭᠦᠨ ᠤ ᠪᠡᠯᠡ ᠭᠠᠷᠭᠠᠬᠴᠢ ᠨᠢ ᠲᠤᠰ ᠬᠠᠤᠯᠢ ᠶᠢᠨ ᠬᠤᠯᠪᠤᠬᠳᠠᠯ ᠪᠦᠬᠦᠢ ᠲᠤᠬᠳᠠᠭᠠᠯ ᠶᠤᠰᠤᠭᠠᠷ ᠬᠦᠳᠡᠯᠮᠤᠷᠢᠴᠢᠨ ᠳᠤ | ᠬᠦᠳᠡᠯᠮᠤᠷᠢ ᠶᠢᠨ ᠤᠯᠭᠤᠮᠵᠢ᠂ ᠠᠵᠤ ᠠᠬᠤᠢ ᠶᠢᠨ ᠨᠦᠬᠦᠪᠤᠷᠢ᠂ ᠲᠦᠯᠦᠪᠤᠷᠢ ᠶᠢᠨ ᠮᠦᠡᠭᠬᠦ ᠦᠭᠬᠦ ᠬᠡᠷᠡᠭᠳᠠᠢ︔ ᠬᠦᠳᠡᠯᠮᠤᠷᠢᠴᠢᠨ ᠳᠤ ᠬᠤᠬᠢᠷᠠᠯ ᠤᠴᠠᠷᠠᠭᠤᠯᠤᠬᠰᠠᠨ | ᠪᠠᠶᠢᠪᠠᠯ᠂ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠳᠠᠢ᠃ | ᠶᠡᠷᠡᠨ ᠲᠦᠷᠪᠡᠳᠦᠭᠡᠷ ᠵᠦᠢᠯ ᠬᠤᠪᠢ ᠬᠦᠮᠦᠨ ᠲᠠᠭᠠᠭᠠᠴᠢᠯᠠᠨ ᠡᠵᠡᠩᠨᠡᠭᠡᠳ ᠲᠤᠰ ᠬᠠᠤᠯᠢ ᠶᠢᠨ ᠲᠤᠬᠳᠠᠭᠠᠯ ᠢ ᠵᠦᠷᠢᠴᠡᠨ ᠬᠦᠳᠡᠯᠮᠤᠷᠢᠴᠢᠨ ᠢ ᠡᠯᠰᠡᠨ | ᠬᠡᠷᠡᠭᠯᠡᠭᠡᠳ ᠬᠦᠳᠡᠯᠮᠤᠷᠢᠴᠢᠨ ᠳᠤ ᠬᠤᠬᠢᠷᠠᠯ ᠤᠴᠠᠷᠠᠭᠤᠯᠤᠬᠰᠠᠨ ᠪᠠᠶᠢᠪᠠᠯ᠂ ᠲᠠᠭᠠᠭᠠᠴᠢᠯᠠᠭᠤᠯᠬᠤ ᠵᠤᠬᠢᠶᠠᠨ ᠪᠠᠶᠢᠭᠤᠯᠤᠯᠳᠠ ᠬᠢᠭᠡᠳ ᠬᠤᠪᠢ ᠬᠦᠮᠦᠨ ᠤ ᠲᠠᠭᠠᠭᠠᠴᠢᠯᠠᠨ | ᠡᠵᠡᠩᠨᠡᠭᠴᠢ ᠨᠢ ᠬᠤᠯᠪᠤᠯᠳᠤᠬᠰᠠᠨ ᠲᠦᠯᠦᠬᠦ ᠬᠠᠷᠢᠭᠤᠴᠠᠯᠭ᠎ᠠ ᠡᠭᠦᠷᠬᠡᠯᠡᠨ᠎ᠡ᠃ | ᠶᠡᠷᠡᠨ ᠲᠠᠪᠤᠳᠤᠭᠠᠷ ᠵᠦᠢᠯ ᠬᠦᠳᠡᠯᠮᠤᠷᠢ ᠶᠢᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠪᠠ ᠪᠤᠰᠤᠳ ᠬᠤᠯᠪᠤᠬᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ | ᠮᠦᠴᠢᠷ ᠵᠢᠴᠢ ᠲᠡᠭᠦᠨ ᠤ ᠠᠵᠢᠯᠳᠡᠨ ᠡᠭᠦᠷᠭᠡ ᠲᠤᠰᠢᠶᠠᠯ ᠢᠶᠠᠨ ᠤᠮᠳᠤᠭᠠᠢᠢᠯᠠᠵᠤ᠂ ᠬᠠᠤᠯᠢ ᠪᠠᠷ ᠲᠤᠬᠳᠠᠭᠠᠬᠰᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ | ᠦᠭᠡᠢ᠂ ᠡᠰᠡᠭᠦᠯ᠎ᠡ ᠬᠠᠤᠯᠢ ᠠᠴᠠ ᠵᠦᠷᠢᠴᠡᠨ ᠡᠷᠬᠡ ᠲᠤᠰᠢᠶᠠᠯ ᠢᠶᠠᠨ ᠬᠡᠷᠡᠭᠯᠡᠭᠡᠳ ᠬᠦᠳᠡᠯᠮᠤᠷᠢᠴᠢᠨ ᠪᠤᠶᠤ ᠬᠦᠮᠦᠨ ᠬᠡᠷᠡᠭᠯᠡᠬᠦ ᠨᠢᠭᠡᠴᠡ ᠳᠤ ᠬᠤᠬᠢᠷᠠᠯ | ᠤᠴᠠᠷᠠᠭᠤᠯᠤᠬᠰᠠᠨ ᠪᠠᠶᠢᠪᠠᠯ᠂ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠳᠠᠢ︔ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠠᠵᠢᠯᠳᠡᠨ ᠪᠤᠯᠤᠨ | ᠰᠢᠭᠤᠳ ᠬᠠᠷᠢᠭᠤᠴᠠᠯᠭ᠎ᠠ ᠲᠠᠢ ᠪᠤᠰᠤᠳ ᠠᠵᠢᠯᠳᠡᠨ ᠳᠤ ᠬᠠᠤᠯᠢ ᠶᠤᠰᠤᠭᠠᠷ ᠵᠠᠰᠠᠬ ᠵᠠᠬᠢᠷᠭᠠᠨ ᠤ ᠰᠢᠢᠳᠭᠡᠯ ᠦᠭᠭᠦᠨ᠎ᠡ︔ ᠶᠠᠯ᠎ᠠ ᠪᠤᠯᠤᠨ ᠪᠦᠷᠢᠯᠳᠦᠭᠰᠡᠨ ᠪᠠᠶᠢᠪᠠᠯ᠂ | ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | | | ᠨᠠᠢᠮᠠᠳᠤᠭᠠᠷ ᠪᠦᠯᠦᠭ ᠲᠠᠭᠠᠯᠳᠤᠭᠤᠯᠤᠯ ᠲᠦᠷᠢᠮ | | | ᠶᠡᠷᠡᠨ ᠵᠢᠷᠭᠤᠳᠤᠭᠠᠷ ᠵᠦᠢᠯ ᠠᠵᠢᠯ ᠦᠢᠯᠡᠰ ᠤᠨ ᠨᠢᠭᠡᠴᠡ ᠤᠷᠢᠵᠤ ᠬᠡᠷᠡᠭᠯᠡᠬᠦ ᠲᠦᠷᠢᠮ ᠢ ᠬᠡᠷᠡᠭᠵᠢᠭᠦᠯᠵᠤ ᠪᠠᠶᠢᠭ᠎ᠠ ᠠᠵᠢᠯᠳᠡᠨ ᠲᠠᠢ ᠬᠦᠳᠡᠯᠮᠤᠷᠢ ᠶᠢᠨ | ᠭᠡᠷ᠎ᠡ ᠶᠢ ᠲᠤᠬᠳᠠᠬᠤ᠂ ᠭᠦᠢᠴᠡᠳᠭᠡᠬᠦ᠂ ᠬᠤᠪᠢᠷᠠᠭᠤᠯᠬᠤ᠂ ᠬᠦᠴᠦᠨ ᠦᠭᠡᠢ ᠪᠤᠯᠭᠠᠬᠤ ᠪᠤᠶᠤ ᠲᠠᠭᠤᠰᠬᠠᠬᠤ ᠳᠤ ᠬᠠᠤᠯᠢ ᠴᠠᠭᠠᠵᠠ᠂ ᠵᠠᠰᠠᠬ ᠵᠠᠬᠢᠷᠭᠠᠨ ᠤ ᠬᠠᠤᠯᠢ | ᠲᠤᠬᠳᠠᠭᠠᠯ ᠪᠤᠶᠤ ᠲᠦᠷᠦ ᠶᠢᠨ ᠶᠠᠪᠤᠳᠠᠯ ᠤᠨ ᠬᠤᠷᠢᠶᠠᠨ ᠤ ᠠᠰᠳᠠᠭᠠᠨ ᠲᠤᠬᠳᠠᠭᠠᠯ ᠪᠠᠶᠢᠪᠠᠯ ᠲᠡᠷᠡ ᠲᠤᠬᠳᠠᠭᠠᠯ ᠢ ᠵᠢᠷᠤᠮᠯᠠᠨᠡ︔ ᠲᠤᠬᠳᠠᠭᠯ ᠭᠠᠷᠭᠠᠬᠰᠠᠨ ᠦᠭᠡᠢ | ᠪᠠᠶᠢᠪᠠᠯ᠂ ᠲᠤᠰ ᠬᠠᠤᠯᠢ ᠶᠢᠨ ᠬᠤᠯᠪᠤᠬᠳᠠᠯ ᠪᠦᠬᠦᠢ ᠲᠤᠬᠳᠠᠭᠠᠯ ᠶᠤᠰᠤᠭᠠᠷ ᠬᠡᠷᠡᠭᠵᠢᠭᠦᠯᠤᠨ᠎ᠡ᠃ | ᠶᠡᠷᠡᠨ ᠲᠤᠯᠤᠳᠤᠭᠠᠷ ᠵᠦᠢᠯ ᠲᠤᠰ ᠬᠠᠤᠯᠢ ᠶᠢ ᠬᠡᠷᠡᠭᠵᠢᠭᠦᠯᠬᠦ ᠠᠴᠠ ᠡᠮᠦᠨ᠎ᠡ ᠨᠢᠭᠡᠨᠳᠡ ᠬᠠᠤᠯᠢ ᠶᠤᠰᠤᠭᠠᠷ ᠲᠤᠬᠳᠠᠭᠠᠬᠰᠠᠨ ᠪᠦᠭᠡᠳ ᠲᠤᠰ ᠬᠠᠤᠯᠢ ᠶᠢ | ᠬᠡᠷᠡᠭᠵᠢᠭᠦᠯᠦᠭᠰᠡᠨ ᠡᠳᠦᠷ ᠲᠤ ᠦᠯᠡᠳᠡᠨ ᠦᠷᠬᠦᠯᠵᠢᠯᠡᠵᠤ ᠪᠠᠶᠢᠬᠤ ᠬᠦᠳᠡᠯᠮᠤᠷᠢ ᠶᠢᠨ ᠭᠡᠷ᠎ᠡ ᠶᠢ ᠦᠷᠬᠦᠯᠵᠢᠯᠡᠨ ᠭᠦᠢᠴᠡᠳᠭᠡᠨ᠎ᠡ︔ ᠲᠤᠰ ᠬᠠᠤᠯᠢ ᠶᠢᠨ ᠠᠷᠪᠠᠨ | ᠲᠦᠷᠪᠡᠳᠦᠭᠡᠷ ᠵᠦᠢᠯ ᠤᠨ ᠬᠤᠶᠠᠳᠤᠭᠠᠷ ᠪᠠᠳᠠᠬ ᠤᠨ ᠭᠤᠷᠪᠠᠳᠤᠭᠠᠷ ᠵᠤᠷᠪᠤᠰ ᠲᠤ ᠲᠤᠬᠳᠠᠭᠠᠬᠰᠠᠨ ᠲᠤᠬᠳᠠᠮᠠᠯ ᠬᠤᠭᠤᠴᠠᠭ᠎ᠠ ᠲᠠᠢ ᠬᠦᠳᠡᠯᠮᠤᠷᠢ ᠶᠢᠨ ᠭᠡᠷ᠎ᠡ ᠶᠢ | ᠦᠷᠬᠦᠯᠵᠢᠯᠡᠨ ᠲᠤᠬᠳᠠᠭᠠᠬᠤ ᠲᠤᠭ᠎ᠠ ᠶᠢ ᠲᠤᠰ ᠬᠠᠤᠯᠢ ᠶᠢ ᠬᠡᠷᠡᠭᠵᠢᠭᠦᠯᠦᠭᠰᠡᠨ ᠤ ᠲᠠᠷᠠᠭ᠎ᠠ ᠲᠤᠬᠳᠠᠮᠠᠯ ᠬᠤᠭᠤᠴᠠᠭ᠎ᠠ ᠲᠠᠢ ᠬᠦᠳᠡᠯᠮᠤᠷᠢ ᠶᠢᠨ ᠭᠡᠷ᠎ᠡ ᠶᠢ ᠦᠷᠬᠦᠯᠵᠢᠯᠡᠨ | ᠲᠤᠬᠳᠠᠭᠠᠬᠤ ᠴᠠᠬ ᠠᠴᠠ ᠡᠬᠢᠯᠡᠵᠤ ᠪᠤᠳᠤᠨ᠎ᠠ᠃ ᠲᠤᠰ ᠬᠠᠤᠯᠢ ᠶᠢ ᠬᠡᠷᠡᠭᠵᠢᠭᠦᠯᠬᠦ ᠠᠴᠠ ᠡᠮᠦᠨ᠎ᠡ ᠨᠢᠭᠡᠨᠳᠡ ᠬᠦᠳᠡᠯᠮᠤᠷᠢ ᠶᠢᠨ ᠬᠠᠷᠢᠴᠠᠭ᠎ᠠ ᠪᠠᠶᠢᠭᠤᠯᠤᠨ᠂ ᠬᠠᠷᠠᠬᠠᠨ | ᠪᠢᠴᠢᠭ ᠢᠶᠠᠷ ᠬᠦᠳᠡᠯᠮᠤᠷᠢ ᠶᠢᠨ ᠭᠡᠷ᠎ᠡ ᠲᠤᠬᠳᠠᠭᠠᠳᠤᠢ ᠪᠠᠶᠢᠪᠠᠯ᠂ ᠲᠤᠰ ᠬᠠᠤᠯᠢ ᠶᠢ ᠬᠡᠷᠡᠭᠵᠢᠭᠦᠯᠦᠭᠰᠡᠨ ᠡᠳᠦᠷ ᠠᠴᠠ ᠡᠬᠢᠯᠡᠨ ᠨᠢᠭᠡ ᠰᠠᠷ᠎ᠠ ᠶᠢᠨ ᠲᠤᠳᠤᠷ᠎ᠠ ᠲᠤᠬᠳᠠᠭᠠᠬᠤ | ᠬᠡᠷᠡᠭᠳᠠᠢ᠃ ᠲᠤᠰ ᠬᠠᠤᠯᠢ ᠶᠢ ᠬᠡᠷᠡᠭᠵᠢᠭᠦᠯᠦᠭᠰᠡᠨ ᠡᠳᠦᠷ ᠲᠤ ᠦᠯᠡᠳᠡᠨ ᠦᠷᠭᠦᠯᠵᠢᠯᠡᠵᠤ ᠪᠠᠶᠢᠬᠰᠠᠨ ᠬᠦᠳᠡᠯᠮᠤᠷᠢ ᠶᠢᠨ ᠭᠡᠷ᠎ᠡ ᠶᠢ ᠲᠤᠰ ᠬᠠᠤᠯᠢ ᠶᠢ | ᠬᠡᠷᠡᠭᠵᠢᠭᠦᠯᠦᠭᠰᠡᠨ ᠤ ᠲᠠᠷᠠᠭ᠎ᠠ ᠬᠦᠴᠦᠨ ᠦᠭᠡᠢ ᠪᠤᠯᠭᠠᠬᠤ ᠪᠤᠶᠤ ᠲᠠᠭᠤᠰᠬᠠᠵᠤ᠂ ᠲᠤᠰ ᠬᠠᠤᠯᠢ ᠶᠢᠨ ᠲᠦᠴᠢᠨ ᠵᠢᠷᠭᠤᠳᠤᠭᠠᠷ ᠵᠦᠢᠯ ᠤᠨ ᠲᠤᠬᠳᠠᠭᠠᠯ ᠶᠤᠰᠤᠭᠠᠷ | ᠠᠵᠤ ᠠᠬᠤᠢ ᠶᠢᠨ ᠲᠦᠯᠦᠪᠤᠷᠢ ᠦᠭᠬᠦ ᠶᠤᠰᠤᠳᠠᠢ ᠪᠠᠶᠢᠪᠠᠯ᠂ ᠠᠵᠤ ᠠᠬᠤᠢ ᠶᠢᠨ ᠲᠦᠯᠦᠪᠤᠷᠢ ᠦᠭᠬᠦ ᠵᠢᠯ ᠬᠤᠭᠤᠴᠠᠭ᠎ᠠ ᠶᠢ ᠲᠤᠰ ᠬᠠᠤᠯᠢ ᠶᠢ ᠬᠡᠷᠡᠭᠵᠢᠭᠦᠯᠦᠭᠰᠡᠨ | ᠡᠳᠦᠷ ᠠᠴᠠ ᠡᠬᠢᠯᠡᠨ ᠪᠤᠳᠤᠨ᠎ᠠ︔ ᠲᠤᠰ ᠬᠠᠤᠯᠢ ᠶᠢ ᠬᠡᠷᠡᠭᠵᠢᠭᠦᠯᠬᠦ ᠠᠴᠠ ᠡᠮᠦᠨ᠎ᠡ ᠲᠤᠬᠠᠢ ᠶᠢᠨ ᠦᠶ᠎ᠡ ᠶᠢᠨ ᠬᠤᠯᠪᠤᠬᠳᠠᠯ ᠪᠦᠬᠦᠢ ᠲᠤᠬᠳᠠᠭᠠᠯ ᠶᠣᠰᠣᠭᠠᠷ ᠬᠦᠮᠦᠨ | ᠬᠡᠷᠡᠭᠯᠡᠬᠦ ᠨᠢᠭᠡᠴᠡ ᠨᠢ ᠬᠦᠳᠡᠯᠮᠤᠷᠢᠴᠢᠨ ᠳᠤ ᠠᠵᠤ ᠠᠬᠤᠢ ᠶᠢᠨ ᠨᠦᠬᠦᠪᠤᠷᠢ ᠦᠭᠬᠦ ᠶᠤᠰᠤᠳᠠᠢ ᠪᠠᠶᠢᠬᠰᠠᠨ ᠪᠠᠶᠢᠪᠠᠯ᠂ ᠲᠤᠬᠠᠢ ᠶᠢᠨ ᠦᠶ᠎ᠡ ᠶᠢᠨ ᠬᠤᠯᠪᠤᠬᠳᠠᠯ ᠪᠦᠬᠦᠢ | ᠲᠤᠬᠳᠠᠭᠠᠯ ᠶᠤᠰᠤᠭᠠᠷ ᠬᠡᠷᠡᠭᠵᠢᠭᠦᠯᠤᠨ᠎ᠡ᠃ | ᠶᠡᠷᠡᠨ ᠨᠠᠢᠮᠠᠳᠤᠭᠠᠷ ᠵᠦᠢᠯ ᠲᠤᠰ ᠬᠠᠤᠯᠢ ᠶᠢ 2013 ᠤᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠤ ᠬᠡᠷᠡᠭᠵᠢᠭᠦᠯᠤᠨ᠎ᠡ᠃ | |