内蒙古自治区人民政府 365赢多少钱会被限额_国内有真正的365平台吗_365bet博彩官网

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠬᠠᠤᠯᠢ
        ᠨᠡᠶᠢᠲᠡᠯᠡᠭᠰᠡᠨ ᠴᠠᠭ᠄
        2017/9/19
             ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠬᠠᠤᠯᠢ      ︵1986 ᠣᠨ ᠤ 4 ᠳ᠋ᠦ᠋ᠭᠡᠷ ᠰᠠᠷ᠎ᠠ ᠶᠢᠨ 12 ᠤ ᠡᠳᠦᠷ ᠵᠢᠷᠭᠤᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠬᠤᠷᠠᠯᠳᠤᠭᠠᠨ ᠠᠴᠠ ᠪᠠᠳᠤᠯᠠᠵᠦ᠂ 2006 ᠤᠨ ᠤ 6 ᠳ᠋ᠤᠭᠠᠷ ᠰᠠᠷ᠎ᠡ ᠶᠢᠨ 29 ᠤ ᠡᠳᠦᠷ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠬᠤᠶᠠᠳᠤᠭᠠᠷ ᠬᠤᠷᠠᠯᠳᠤᠭᠠᠨ ᠠᠴᠠ ᠵᠠᠰᠠᠪᠤᠷᠢ ᠤᠷᠤᠭᠤᠯᠪᠠ︶      ᠭᠠᠷᠴᠠᠭ      ᠨᠢᠭᠡᠳᠦᠭᠡᠷ ᠪᠦᠯᠦᠭ      ᠶᠡᠷᠦᠩᠭᠡᠢ ᠲᠦᠷᠢᠮ      ᠬᠤᠶᠠᠳᠤᠭᠠᠷ ᠪᠦᠯᠦᠭ ᠰᠣᠷᠣᠭᠴᠢ      ᠭᠤᠷᠪᠠᠳᠤᠭᠠᠷ ᠪᠦᠯᠦᠭ ᠰᠣᠷᠭᠠᠭᠤᠯᠢ      ᠳᠦᠷᠪᠡᠳᠦᠭᠡᠷ ᠪᠦᠯᠦᠭ ᠪᠠᠭᠰᠢ      ᠲᠠᠪᠤᠳᠤᠭᠠᠷ ᠪᠦᠯᠦᠭ ᠰᠣᠷᠭᠠᠨ ᠬᠦᠮᠦᠵᠢᠬᠦᠯᠬᠦ ᠪᠠ ᠵᠢᠭᠠᠨ ᠰᠣᠷᠭᠠᠬᠤ      ᠵᠢᠷᠭᠤᠳᠤᠭᠠᠷ ᠪᠦᠯᠦᠭ ᠵᠠᠷᠤᠳᠠᠯ ᠤᠨ ᠪᠠᠳᠤᠯᠠᠭ᠎ᠠ      ᠲᠤᠯᠤᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ      ᠨᠠᠢᠮᠠᠳᠤᠭᠠᠷ ᠪᠦᠯᠦᠭ ᠲᠠᠭᠠᠯᠳᠤᠭᠤᠯᠤᠭᠰᠠᠨ ᠲᠦᠷᠢᠮ      ᠨᠢᠭᠡᠳᠦᠭᠡᠷ ᠪᠦᠯᠦᠭ ᠶᠡᠷᠦᠩᠭᠡᠢ ᠲᠦᠷᠢᠮ      ᠨᠢᠭᠡᠳᠦᠭᠡᠷ ᠵᠦᠢᠯ ᠰᠣᠷᠭᠠᠭᠤᠯᠢ ᠳᠤ ᠤᠷᠤᠬᠤ ᠨᠠᠰᠤᠨ ᠤ ᠬᠡᠤᠭᠡᠳ᠂ ᠪᠠᠭᠠᠴᠤᠳ ᠤᠨ ᠠᠯᠪᠠᠨ ᠵᠢᠷᠦᠮ ᠤᠨ ᠰᠤᠷᠭᠠᠨ ᠬᠦᠮᠦᠵᠢᠯ ᠬᠦᠷᠳᠡᠬᠦ ᠡᠷᠭᠡ ᠶᠢ ᠪᠠᠳᠤᠯᠠᠵᠦ᠂ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠬᠡᠷᠡᠭᠵᠢᠬᠦᠯᠦᠭᠳᠡᠬᠦ ᠶᠢ ᠪᠠᠳᠤᠯᠠᠵᠦ᠂ ᠪᠦᠬᠦ ᠦᠨᠳᠦᠰᠦᠳᠡᠨ ᠤ ᠬᠡᠪ ᠴᠢᠨᠠᠷ ᠢ ᠲᠡᠭᠡᠭᠰᠢᠯᠡᠬᠦᠯᠬᠦ ᠶᠢᠨ ᠲᠦᠯᠦᠭᠡ ᠦᠨᠳᠦᠰᠤᠨ ᠬᠠᠤᠯᠢ ᠪᠠ ᠰᠤᠷᠭᠠᠨ ᠬᠦᠮᠦᠵᠢᠯ ᠤᠨ ᠬᠠᠤᠯᠢ ᠶᠢ ᠦᠨᠳᠦᠰᠦᠯᠡᠨ ᠲᠤᠰ ᠬᠠᠤᠯᠢ ᠶᠢ ᠲᠤᠭᠳᠠᠭᠠᠪᠠ᠃      ᠬᠤᠶᠠᠳᠤᠭᠠᠷ ᠵᠦᠢᠯ ᠤᠯᠤᠰ ᠠᠴᠠ ᠶᠢᠰᠦᠨ ᠵᠢᠯ ᠤᠨ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠲᠦᠷᠢᠮ ᠢ ᠬᠡᠷᠡᠭᠵᠢᠬᠦᠯᠦᠨ᠎ᠡ᠃      ᠠᠯᠪᠠᠨ ᠵᠢᠷᠦᠮ ᠤᠨ ᠰᠤᠷᠭᠠᠨ ᠬᠦᠮᠦᠵᠢᠯ ᠪᠤᠯ ᠤᠯᠤᠰ ᠠᠴᠠ ᠨᠢᠭᠡᠳᠦᠯᠲᠠᠢ ᠬᠡᠷᠡᠭᠵᠢᠬᠦᠯᠵᠦ ᠪᠠᠶᠢᠭ᠎ᠠ ᠪᠤᠢ ᠪᠦᠬᠦᠢ ᠰᠤᠷᠭᠠᠭᠤᠯᠢ ᠳᠤ ᠤᠷᠤᠬᠤ ᠨᠠᠰᠤᠨ ᠤ ᠬᠡᠤᠭᠡᠳ᠂ ᠪᠠᠭᠠᠴᠤᠳ ᠤᠨ ᠡᠷᠭᠡᠪᠰᠢ ᠬᠦᠷᠳᠡᠭᠦ ᠬᠡᠷᠡᠭᠲᠠᠢ ᠰᠤᠷᠭᠠᠨ ᠬᠦᠮᠦᠵᠢᠯ ᠮᠦᠨ᠂ ᠤᠯᠤᠰ ᠠᠴᠠ ᠡᠷᠭᠡᠪᠰᠢ ᠪᠠᠳᠤᠯᠠᠬᠤ ᠬᠡᠷᠡᠭᠲᠠᠢ ᠨᠡᠶᠢᠳᠡ ᠶᠢᠨ ᠠᠰᠠᠷᠠᠮᠵᠢ ᠶᠢᠨ ᠴᠢᠨᠠᠷᠲᠠᠢ ᠦᠢᠯᠡᠰ ᠮᠦᠨ᠃      ᠠᠯᠪᠠᠨ ᠵᠢᠷᠦᠮ ᠤᠨ ᠰᠤᠷᠭᠠᠨ ᠬᠦᠮᠦᠵᠢᠯ ᠢ ᠬᠡᠷᠡᠭᠵᠢᠬᠦᠯᠬᠦ ᠳᠤ ᠰᠤᠷᠤᠯᠭ᠎ᠠ ᠶᠢᠨ ᠵᠠᠷᠤᠳᠠᠯ ᠪᠠ ᠰᠤᠯᠠ ᠵᠠᠷᠤᠳᠠᠯ ᠬᠤᠷᠢᠶᠠᠬᠤ ᠦᠭᠡᠢ᠃      ᠤᠯᠤᠰ ᠠᠴᠠ ᠠᠯᠪᠠᠨ ᠵᠢᠷᠦᠮ ᠤᠨ ᠰᠣᠷᠭᠠᠨ ᠬᠦᠮᠦᠵᠢᠯ ᠤᠨ ᠵᠠᠷᠤᠳᠠᠯ ᠤᠨ ᠪᠠᠳᠤᠯᠠᠭ᠎ᠠ ᠶᠢᠨ ᠲᠤᠭᠳᠠᠴᠠ ᠶᠢ ᠪᠠᠶᠢᠭᠤᠯᠵᠦ᠂ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠲᠦᠷᠢᠮ ᠤᠨ ᠬᠡᠷᠡᠭᠵᠢᠬᠦᠯᠦᠭᠳᠡᠬᠦ ᠶᠢ ᠪᠠᠳᠤᠯᠠᠨ᠎ᠠ᠃      ᠭᠤᠷᠪᠠᠳᠤᠭᠠᠷ ᠵᠦᠢᠯ ᠠᠯᠪᠠᠨ ᠵᠢᠷᠦᠮ ᠤᠨ ᠰᠤᠷᠭᠠᠨ ᠬᠦᠮᠦᠵᠢᠯ ᠡᠷᠭᠡᠪᠰᠢ ᠤᠯᠤᠰ ᠤᠨ ᠰᠤᠷᠭᠠᠨ ᠬᠦᠮᠦᠵᠢᠯ ᠤᠨ ᠴᠢᠭᠯᠡᠯᠳᠡ ᠶᠢ ᠲᠤᠤᠱᠯᠠᠭᠤᠯᠤᠨ᠂ ᠭᠡᠪ ᠴᠢᠨᠠᠷ ᠤᠨ ᠰᠤᠷᠭᠠᠨ ᠬᠦᠮᠦᠵᠢᠯ ᠢ ᠬᠡᠷᠡᠭᠵᠢᠬᠦᠯᠵᠦ᠂ ᠰᠤᠷᠭᠠᠨ ᠬᠦᠮᠦᠵᠢᠯ ᠤᠨ ᠶᠠᠰᠤ ᠴᠢᠨᠠᠷ ᠢ ᠲᠡᠭᠡᠭᠰᠢᠯᠡᠬᠦᠯᠦᠨ᠂ ᠰᠤᠷᠭᠠᠭᠤᠯᠢ ᠳᠤ ᠤᠷᠤᠬᠤ ᠨᠠᠰᠤᠨ ᠤ ᠭᠡᠤᠭᠡᠳ᠂ ᠪᠠᠭᠠᠴᠤᠳ ᠢ ᠵᠠᠩ ᠮᠤᠷᠠᠯ᠂ ᠤᠶᠤᠨ ᠮᠡᠳᠡᠯᠭᠡ᠂ ᠪᠡᠶ᠎ᠡ ᠮᠠᠬᠠᠪᠤᠳ ᠵᠡᠷᠭᠡ ᠪᠦᠬᠦ ᠲᠠᠯ᠎ᠠ ᠪᠠᠷ ᠬᠦᠭᠵᠢᠬᠦᠯᠵᠦ᠂ ᠬᠦᠰᠡᠯᠡᠩ ᠲᠠᠢ᠂ ᠶᠤᠰᠤ ᠮᠤᠷᠠᠯ ᠲᠠᠢ᠂ ᠰᠤᠶᠤᠯ ᠪᠤᠯᠪᠠᠰᠤᠷᠠᠯ ᠲᠠᠢ᠂ ᠰᠠᠬᠢᠯᠭ᠎ᠠ ᠪᠠᠳᠤ ᠲᠠᠢ ᠨᠡᠶᠢᠭᠡᠮ ᠵᠢᠷᠦᠮ ᠤᠨ ᠪᠦᠳᠦᠭᠡᠨ ᠪᠠᠶᠢᠭᠤᠯᠤᠭᠴᠢᠳ ᠪᠠ ᠵᠠᠯᠭᠠᠮᠵᠢᠯᠠᠭᠴᠢᠳ ᠢ ᠬᠦᠮᠦᠵᠢᠬᠦᠯᠬᠦ ᠳᠤ ᠰᠠᠭᠤᠷᠢ ᠲᠠᠯᠪᠢᠵᠦ ᠦᠭᠬᠦ ᠬᠡᠷᠡᠭᠲᠠᠢ᠃      ᠲᠦᠷᠪᠡᠳᠦᠭᠡᠷ ᠵᠦᠢᠯ ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠬᠠᠷᠢᠶ᠎ᠠ ᠲᠠᠢ ᠰᠤᠷᠭᠠᠭᠤᠯᠢ ᠳᠤ ᠤᠷᠤᠬᠤ ᠨᠠᠰᠤᠨ ᠤ ᠭᠡᠤᠭᠡᠳ᠂ ᠪᠠᠭᠠᠴᠤᠳ ᠪᠦᠬᠦᠨ ᠬᠦᠢᠰᠦ᠂ ᠦᠨᠳᠦᠰᠦᠳᠡᠨ᠂ ᠠᠷᠠᠰᠤᠳᠠᠨ᠂ ᠭᠡᠷ ᠪᠦᠯᠢ ᠶᠢᠨ ᠡᠳ᠋ ᠬᠦᠷᠦᠩᠭᠡ ᠶᠢᠨ ᠪᠠᠶᠢᠳᠠᠯ᠂ ᠱᠠᠰᠢᠨ ᠰᠢᠳᠦᠯᠭᠡ ᠵᠡᠷᠭᠡ ᠶᠢᠨ ᠢᠯᠭᠠᠯ ᠦᠭᠡᠢ ᠪᠠᠷ ᠬᠠᠤᠯᠢ ᠶᠤᠰᠤᠭᠠᠷ ᠠᠯᠪᠠᠨ ᠵᠢᠷᠦᠮ ᠤᠨ ᠰᠤᠷᠭᠠᠨ ᠬᠦᠮᠦᠵᠢᠯ ᠢ ᠡᠷᠭᠡ ᠲᠡᠭᠰᠢ ᠪᠠᠷ ᠬᠦᠷᠳᠡᠬᠦ ᠡᠷᠭᠡ ᠲᠠᠢ ᠪᠦᠭᠡᠳ ᠠᠯᠪᠠᠨ ᠵᠢᠷᠦᠮ ᠤᠨ ᠰᠤᠷᠭᠠᠨ ᠬᠦᠮᠦᠵᠢᠯ ᠢ ᠬᠦᠷᠳᠡᠬᠦ ᠡᠬᠦᠷᠭᠡ ᠪᠠᠨ ᠬᠦᠢᠴᠡᠳᠭᠡᠨ᠎ᠡ᠃      ᠲᠠᠪᠣᠳᠤᠭᠠᠷ ᠵᠦᠢᠯ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠵᠢᠴᠢ ᠲᠡᠬᠦᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠲᠤᠰ ᠬᠠᠤᠯᠢ ᠳᠤ ᠲᠤᠭᠳᠠᠭᠠᠭᠰᠠᠨ ᠡᠯ᠎ᠡ ᠵᠦᠢᠯ ᠤᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠵᠦ᠂ ᠰᠤᠷᠭᠠᠭᠤᠯᠢ ᠳᠤ ᠤᠷᠤᠬᠤ ᠨᠠᠰᠤᠨ ᠤ ᠬᠡᠤᠭᠡᠳ᠂ ᠪᠠᠭᠠᠴᠤᠳ ᠤᠨ ᠠᠯᠪᠠᠨ ᠵᠢᠷᠦᠮ ᠤᠨ ᠰᠤᠷᠭᠠᠨ ᠬᠦᠮᠦᠵᠢᠯ ᠬᠦᠷᠳᠡᠬᠦ ᠡᠷᠭᠡ ᠶᠢ ᠪᠠᠳᠤᠯᠠᠬᠤ ᠬᠡᠷᠡᠭᠲᠠᠢ᠃      ᠰᠤᠷᠭᠠᠭᠤᠯᠢ ᠳᠤ ᠤᠷᠤᠬᠤ ᠨᠠᠰᠤᠨ ᠤ ᠬᠡᠤᠭᠡᠳ᠂ ᠪᠠᠭᠠᠴᠤᠳ ᠤᠨ ᠡᠴᠢᠭᠡ ᠡᠭᠡ ᠪᠤᠶᠤ ᠬᠠᠤᠯᠢ ᠪᠠᠷ ᠲᠤᠭᠳᠠᠭᠠᠭᠰᠠᠨ ᠪᠤᠰᠤᠳ ᠬᠢᠨᠠᠨ ᠬᠠᠮᠠᠭᠠᠯᠠᠭᠴᠢ ᠠᠴᠠ ᠲᠡᠳᠡ ᠨᠠᠷ ᠤᠨ ᠴᠠᠭ ᠬᠤᠭᠤᠴᠠᠭᠠᠨ ᠳᠠᠭᠠᠨ ᠰᠤᠷᠭᠠᠭᠤᠯᠢ ᠳᠤ ᠤᠷᠤᠵᠦ ᠠᠯᠪᠠᠨ ᠵᠢᠷᠦᠮ ᠤᠨ ᠰᠤᠷᠭᠠᠨ ᠬᠦᠮᠦᠵᠢᠯ ᠬᠦᠷᠳᠡᠬᠦ ᠪᠠ ᠲᠡᠬᠦᠰᠭᠡᠬᠦ ᠶᠢ ᠬᠠᠤᠯᠢ ᠶᠤᠰᠤᠭᠠᠷ ᠪᠠᠳᠤᠯᠠᠬᠤ ᠬᠡᠷᠡᠭᠲᠠᠢ᠃      ᠬᠠᠤᠯᠢ ᠶᠤᠰᠤᠭᠠᠷ ᠠᠯᠪᠠᠨ ᠵᠢᠷᠦᠮ ᠤᠨ ᠰᠤᠷᠭᠠᠨ ᠬᠦᠮᠦᠵᠢᠯ ᠢ ᠬᠡᠷᠡᠭᠵᠢᠬᠦᠯᠵᠦ ᠪᠠᠶᠢᠭ᠎ᠠ ᠰᠤᠷᠭᠠᠭᠤᠯᠢ ᠲᠤᠭᠳᠠᠭᠰᠠᠨ ᠪᠠᠷᠢᠮᠵᠢᠶ᠎ᠡ ᠶᠤᠰᠤᠭᠠᠷ ᠰᠤᠷᠭᠠᠨ ᠬᠦᠮᠦᠵᠢᠬᠦᠯᠬᠦ᠂ ᠵᠢᠭᠠᠨ ᠰᠤᠷᠭᠠᠬᠤ ᠡᠬᠦᠷᠭᠡ ᠪᠠᠨ ᠪᠡᠶᠡᠯᠡᠬᠦᠯᠵᠦ᠂ ᠰᠤᠷᠭᠠᠨ ᠬᠦᠮᠦᠵᠢᠬᠦᠯᠬᠦ ᠪᠠ ᠵᠢᠭᠠᠨ ᠰᠤᠷᠭᠠᠬᠤ ᠶᠠᠰᠤ ᠴᠢᠨᠠᠷ ᠢ ᠪᠠᠳᠤᠯᠠᠬᠤ ᠬᠡᠷᠡᠭᠲᠠᠢ᠃      ᠨᠡᠶᠢᠭᠡᠮ ᠤᠨ ᠵᠤᠬᠢᠶᠠᠨ ᠪᠠᠶᠢᠭᠤᠯᠤᠯᠳᠠ ᠪᠠ ᠬᠤᠪᠢ ᠬᠦᠮᠦᠨ ᠠᠴᠠ ᠰᠤᠷᠭᠠᠭᠤᠯᠢ ᠶᠢ ᠤᠷᠤᠬᠤ ᠨᠠᠰᠤᠨ ᠤ ᠬᠡᠤᠭᠡᠳ᠂ ᠪᠠᠭᠠᠴᠤᠳ ᠤᠨ ᠠᠯᠪᠠᠨ ᠵᠢᠷᠦᠮ ᠤᠨ ᠰᠤᠷᠭᠠᠨ ᠬᠦᠮᠦᠵᠢᠯ ᠬᠦᠷᠳᠡᠬᠦ ᠳᠤ ᠰᠠᠶᠢᠨ ᠰᠠᠶᠢᠬᠠᠨ ᠤᠷᠴᠢᠨ ᠨᠦᠬᠦᠴᠡᠯ ᠢ ᠪᠦᠷᠢᠯᠳᠦᠬᠦᠯᠵᠦ ᠦᠭᠬᠦ ᠬᠡᠷᠡᠭᠲᠠᠢ᠃      ᠵᠢᠷᠭᠤᠳᠦᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶ᠎ᠡ ᠪᠤᠯᠤᠨ ᠰᠢᠶᠠᠨ ᠤ ᠱᠠᠳᠣᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠠᠴᠠ ᠰᠤᠷᠭᠠᠨ ᠬᠦᠮᠦᠵᠢᠯ ᠤᠨ ᠡᠬᠢ ᠪᠠᠶᠠᠯᠢᠭ ᠢ ᠵᠦᠢ ᠵᠤᠬᠢᠰᠲᠠᠢ ᠲᠤᠬᠢᠷᠠᠭᠤᠯᠵᠦ᠂ ᠠᠯᠪᠠᠨ ᠵᠢᠷᠦᠮ ᠤᠨ ᠰᠣᠷᠭᠠᠨ ᠬᠦᠮᠦᠵᠢᠯ ᠤᠨ ᠲᠡᠩᠴᠡᠬᠦᠷᠢᠲᠠᠢ ᠬᠦᠭᠵᠢᠯᠳᠡ ᠶᠢ ᠠᠬᠢᠭᠤᠯᠵᠦ᠂ ᠪᠠᠭᠤᠷᠠᠢ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠦᠬᠦᠴᠡᠯ ᠢ ᠰᠠᠶᠢᠵᠢᠷᠠᠭᠤᠯᠬᠤ ᠪᠦᠭᠡᠳ ᠠᠷᠭ᠎ᠠ ᠬᠡᠮᠵᠢᠶ᠎ᠡ ᠠᠪᠴᠦ ᠪᠠᠶᠢᠭᠠᠳ ᠬᠦᠳᠡᠭᠡ ᠲᠤᠰᠬᠤᠨ ᠤ ᠭᠠᠵᠠᠷ ᠤᠷᠤᠨ᠂ ᠦᠨᠳᠦᠰᠦᠳᠡᠨ ᠤ ᠭᠠᠵᠠᠷ ᠤᠷᠤᠨ ᠳᠤ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠬᠡᠷᠡᠭᠵᠢᠬᠦᠯᠦᠭᠳᠡᠬᠦ ᠶᠢ ᠪᠠᠳᠤᠯᠠᠵᠦ᠂ ᠰᠤᠷᠭᠠᠭᠤᠯᠢ ᠳᠤ ᠤᠷᠤᠬᠤ ᠨᠠᠰᠤᠨ ᠤ ᠭᠡᠷ ᠪᠦᠯᠢ ᠶᠢᠨ ᠠᠵᠦ ᠠᠬᠤᠢ ᠨᠢ ᠬᠦᠴᠢᠷᠳᠡᠯᠲᠠᠢ ᠪᠠ ᠵᠡᠮᠳᠡᠭ ᠭᠡᠤᠭᠡᠳ᠂ ᠪᠠᠭᠠᠴᠤᠳ ᠤᠨ ᠠᠯᠪᠠᠨ ᠵᠢᠷᠦᠮ ᠤᠨ ᠰᠤᠷᠭᠠᠨ ᠬᠦᠮᠦᠵᠢᠯ ᠬᠦᠷᠳᠡᠬᠦ ᠶᠢ ᠪᠠᠳᠤᠯᠠᠬᠤ ᠬᠡᠷᠡᠭᠲᠠᠢ᠃      ᠠᠵᠦ ᠠᠬᠤᠢ ᠬᠦᠭᠵᠢᠭᠰᠡᠨ ᠭᠠᠵᠠᠷ ᠤᠷᠤᠨ ᠠᠴᠠ ᠠᠵᠦ ᠠᠬᠤᠢ ᠲᠡᠮᠡᠢ ᠬᠦᠭᠵᠢᠭᠡᠳᠦᠢ ᠭᠠᠵᠠᠷ ᠤᠷᠤᠨ ᠤ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠬᠡᠷᠡᠭᠵᠢᠬᠦᠯᠦᠭᠳᠡᠬᠦ ᠶᠢ ᠲᠠᠮᠵᠢᠨ ᠲᠤᠰᠠᠯᠠᠬᠤ ᠶᠢ ᠤᠯᠤᠰ ᠠᠴᠠ ᠵᠤᠬᠢᠶᠠᠨ ᠪᠠᠶᠢᠭᠤᠯᠤᠨ ᠵᠤᠷᠢᠭᠵᠢᠭᠤᠯᠤᠨ᠎ᠠ᠃      ᠲᠤᠯᠤᠳᠤᠭᠠᠷ ᠵᠦᠢᠯ ᠠᠯᠪᠠᠨ ᠵᠢᠷᠦᠮ ᠤᠨ ᠰᠤᠷᠭᠠᠨ ᠬᠦᠮᠦᠵᠢᠯ ᠳᠤ ᠲᠦᠷᠦ ᠶᠢᠨ ᠶᠠᠪᠤᠳᠠᠯ ᠤᠨ ᠬᠤᠷᠢᠶ᠎ᠡ ᠠᠴᠠ ᠤᠳᠤᠷᠢᠳᠤᠭᠰᠠᠨ᠂ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ ᠬᠤᠳᠠ ᠶᠢᠨ ᠠᠷᠠᠳ ᠤᠨ ᠵᠠᠰᠠᠭ ᠤᠨ ᠤᠷᠳᠤᠨ ᠠᠴᠠ ᠨᠢᠭᠡᠳᠦᠯᠲᠠᠢ ᠲᠦᠯᠦᠪᠵᠢᠬᠦᠯᠵᠦ ᠬᠡᠷᠡᠭᠵᠢᠬᠦᠯᠦᠭᠰᠡᠨ᠂ ᠰᠢᠶᠠᠨ ᠤ ᠱᠠᠳᠣᠨ ᠤ ᠠᠷᠠᠳ ᠤᠨ ᠵᠠᠰᠠᠭ ᠤᠨ ᠤᠷᠳᠤᠨ ᠢᠶᠠᠷ ᠡᠷᠬᠢᠯᠡᠨ ᠬᠠᠮᠢᠶᠠᠷᠤᠭᠤᠯᠤᠭᠰᠠᠨ ᠲᠦᠷᠢᠮ ᠢ ᠬᠡᠷᠡᠭᠵᠢᠬᠦᠯᠦᠨ᠎ᠡ᠃      ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠬᠡᠷᠡᠭᠵᠢᠬᠦᠯᠦᠭᠳᠡᠬᠦ ᠠᠵᠢᠯ ᠢ ᠪᠤᠳᠠᠲᠠᠢ ᠬᠠᠷᠢᠭᠤᠴᠠᠨ᠎ᠠ︔ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠪᠤᠰᠤᠳ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠲᠤᠰ ᠲᠤᠰ ᠤᠨ ᠢᠶᠠᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠤ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠬᠡᠷᠡᠭᠵᠢᠬᠦᠯᠦᠭᠳᠡᠬᠦ ᠠᠵᠢᠯ ᠢ ᠬᠠᠷᠢᠭᠤᠴᠠᠨ᠎ᠠ᠃      ᠨᠠᠢᠮᠠᠳᠤᠭᠠᠷ ᠵᠦᠢᠯ ᠠᠷᠠᠳ ᠤᠨ ᠵᠠᠰᠠᠭ ᠤᠨ ᠤᠷᠳᠤᠨ ᠤ ᠰᠤᠷᠭᠠᠨ ᠬᠦᠮᠦᠵᠢᠯ ᠢ ᠬᠢᠨᠠᠨ ᠵᠢᠯᠤᠭᠤᠳᠬᠤ ᠪᠠᠶᠢᠭᠤᠯᠤᠮᠵᠢ ᠠᠴᠠ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠠᠵᠢᠯ ᠤᠨ ᠬᠠᠤᠯᠢ ᠴᠠᠭᠠᠵᠠ ᠬᠠᠤᠯᠢ ᠲᠤᠭᠳᠠᠭᠠᠯ ᠢ ᠬᠡᠷᠡᠭᠵᠢᠬᠦᠯᠵᠦ ᠪᠠᠶᠢᠭ᠎ᠠ ᠪᠠᠶᠢᠳᠠᠯ᠂ ᠰᠤᠷᠭᠠᠨ ᠬᠦᠮᠦᠵᠢᠬᠦᠯᠬᠦ ᠪᠠ ᠵᠢᠭᠠᠨ ᠰᠤᠷᠭᠠᠬᠤ ᠶᠠᠰᠤ ᠴᠢᠨᠠᠷ ᠵᠢᠴᠢ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠲᠡᠩᠴᠡᠬᠦᠷᠢᠲᠠᠢ ᠬᠦᠭᠵᠢᠯᠳᠡ ᠶᠢᠨ ᠪᠠᠶᠢᠳᠠᠯ ᠵᠡᠷᠭᠡ ᠶᠢ ᠬᠢᠨᠠᠨ ᠵᠢᠯᠤᠭᠤᠳᠴᠦ᠂ ᠬᠢᠨᠠᠨ ᠵᠢᠯᠤᠭᠤᠳᠤᠭᠰᠠᠨ ᠮᠡᠳᠡᠬᠦᠯᠦᠯᠳᠡ ᠪᠠᠨ ᠨᠡᠶᠢᠭᠡᠮ ᠳᠤ ᠨᠡᠶᠢᠳᠡᠯᠡᠨ᠎ᠡ᠃      ᠶᠢᠰᠦᠳᠦᠭᠡᠷ ᠵᠦᠢᠯ ᠶᠠᠮᠠᠷᠪᠠ ᠨᠡᠶᠢᠭᠡᠮ ᠤᠨ ᠵᠤᠬᠢᠶᠠᠨ ᠪᠠᠶᠢᠭᠤᠯᠤᠯᠳᠠ ᠪᠤᠶᠤ ᠬᠤᠪᠢ ᠬᠦᠮᠦᠨ ᠲᠤᠰ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠬᠤᠯᠪᠤᠭᠳᠠᠯ ᠪᠦᠬᠦᠢ ᠲᠦᠷᠦ ᠶᠢᠨ ᠪᠠᠶᠢᠭᠤᠯᠭ᠎ᠠ ᠳᠤ ᠢᠯᠡᠴᠢᠯᠡᠬᠦ ᠪᠤᠶᠤ ᠵᠠᠭᠠᠯᠳᠤᠬᠤ ᠡᠷᠭᠡ ᠲᠠᠢ᠃      ᠲᠤᠰ ᠬᠠᠤᠯᠢ ᠶᠢ ᠵᠦᠷᠢᠴᠡᠭᠰᠡᠨ ᠬᠦᠨᠳᠦ ᠶᠡᠭᠡ ᠬᠡᠷᠡᠭ ᠶᠠᠪᠤᠳᠠᠯ ᠡᠬᠦᠰᠦᠭᠡᠳ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠬᠡᠷᠡᠭᠵᠢᠬᠦᠯᠦᠭᠳᠡᠬᠦ ᠶᠢ ᠬᠠᠷᠰᠢᠯᠠᠵᠦ ᠂ ᠨᠡᠶᠢᠭᠡᠮ ᠳᠤ ᠬᠦᠨᠳᠦ ᠶᠡᠭᠡ ᠨᠦᠯᠦᠭᠡ ᠤᠴᠠᠷᠠᠭᠤᠯᠤᠭᠰᠠᠨ ᠪᠠᠶᠢᠪᠠᠯ᠂ ᠤᠳᠤᠷᠢᠳᠬᠤ ᠬᠠᠷᠢᠭᠤᠴᠠᠯᠭ᠎ᠠ ᠲᠠᠢ ᠠᠷᠠᠳ ᠤᠨ ᠵᠠᠰᠠᠭ ᠤᠨ ᠤᠷᠳᠤᠨ ᠪᠤᠶᠤ ᠠᠷᠠᠳ ᠤᠨ ᠵᠠᠰᠠᠭ ᠤᠨ ᠤᠷᠳᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠠᠯᠳᠠᠭ᠎ᠠ ᠪᠤᠷᠤᠭᠤ ᠪᠠᠨ ᠬᠦᠯᠢᠶᠡᠵᠦ ᠲᠤᠰᠢᠶᠠᠯ ᠠᠴᠠ ᠪᠠᠨ ᠪᠠᠭᠤᠬᠤ ᠬᠡᠷᠡᠭᠲᠠᠢ᠃      ᠠᠷᠪᠠᠳᠤᠭᠠᠷ ᠵᠦᠢᠯ ᠠᠯᠪᠠᠨ ᠵᠢᠷᠦᠮ ᠤᠨ ᠰᠤᠷᠭᠠᠨ ᠬᠦᠮᠦᠵᠢᠯ ᠢ ᠬᠡᠷᠡᠭᠵᠬᠦᠯᠬᠦ ᠠᠵᠢᠯ ᠤᠨ ᠲᠤᠮᠳᠠ ᠲᠤᠪᠤᠶᠢᠮ᠎ᠡ ᠬᠤᠪᠢ ᠨᠡᠮᠡᠷᠢ ᠦᠵᠡᠬᠦᠯᠦᠭᠰᠡᠨ ᠨᠡᠶᠢᠭᠡᠮ ᠤᠨ ᠵᠤᠬᠢᠶᠠᠨ ᠪᠠᠶᠢᠭᠤᠯᠤᠯᠳᠠ ᠪᠠ ᠬᠤᠪᠢ ᠬᠦᠮᠦᠨ ᠢ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠵᠢᠴᠢ ᠲᠡᠬᠦᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠬᠦᠬᠢᠬᠦᠯᠦᠨ ᠱᠠᠩᠨᠠᠨ᠎ᠠ᠃      ᠬᠤᠶᠠᠳᠤᠭᠠᠷ ᠪᠦᠯᠦᠭ ᠰᠣᠷᠣᠭᠴᠢ      ᠠᠷᠪᠠᠨ ᠨᠢᠭᠡᠳᠦᠭᠡᠷ ᠵᠦᠢᠯ ᠪᠦᠬᠦᠯᠢ ᠵᠢᠷᠭᠤᠭᠠᠨ ᠨᠠᠰᠤ ᠬᠦᠷᠦᠭᠰᠡᠨ ᠬᠡᠤᠭᠡᠳ ᠢ ᠡᠴᠢᠭᠡ ᠡᠭᠡ ᠨᠢ ᠪᠤᠶᠤ ᠬᠠᠤᠯᠢ ᠪᠠᠷ ᠲᠤᠭᠳᠠᠭᠠᠭᠰᠠᠨ ᠪᠤᠰᠤᠳ ᠬᠢᠨᠠᠨ ᠬᠠᠮᠠᠭᠠᠯᠠᠭᠴᠢ ᠨᠢ ᠰᠤᠷᠭᠠᠭᠤᠯᠢ ᠳᠤ ᠤᠷᠤᠭᠤᠯᠵᠦ᠂ ᠠᠯᠪᠠᠨ ᠵᠢᠷᠦᠮ ᠤᠨ ᠰᠤᠷᠭᠠᠨ ᠬᠦᠮᠦᠵᠢᠯ ᠢ ᠬᠦᠷᠳᠡᠭᠡᠵᠦ ᠠᠯᠪᠠᠨ ᠵᠢᠷᠦᠮ ᠤᠨ ᠰᠤᠷᠭᠠᠨ ᠬᠦᠮᠦᠵᠢᠯ ᠢ ᠲᠡᠬᠦᠰᠭᠡᠬᠦ ᠬᠡᠷᠡᠭᠲᠠᠢ︔ ᠨᠦᠬᠦᠴᠡᠯ ᠪᠦᠷᠢᠯᠳᠦᠭᠡᠳᠦᠢ ᠭᠠᠵᠠᠷ ᠤᠷᠤᠨ ᠤ ᠬᠡᠤᠭᠡᠳ ᠢ ᠪᠦᠬᠦᠯᠢ ᠲᠤᠯᠤᠭᠠᠨ ᠨᠠᠰᠤ ᠬᠦᠷᠦᠭᠰᠡᠨ ᠤ ᠲᠠᠷᠠᠭ᠎ᠠ ᠰᠤᠷᠭᠠᠭᠤᠯᠢ ᠳᠤ ᠤᠷᠤᠭᠤᠯᠵᠦ ᠪᠤᠯᠤᠨ᠎ᠠ᠃      ᠰᠤᠷᠭᠠᠭᠤᠯᠢ ᠳᠤ ᠤᠷᠤᠬᠤ ᠨᠠᠰᠤᠨ ᠤ ᠭᠡᠤᠭᠡᠳ᠂ ᠪᠠᠭᠠᠴᠤᠳ ᠪᠡᠶ᠎ᠡ ᠮᠠᠬᠠᠪᠤᠳ ᠤᠨ ᠰᠢᠯᠳᠠᠭᠠᠨ ᠠᠴᠠ ᠪᠤᠯᠵᠦ᠂ ᠰᠤᠷᠭᠠᠭᠤᠯᠢ ᠳᠤ ᠤᠷᠤᠬᠤ ᠶᠢ ᠬᠤᠶᠢᠰᠢᠯᠠᠭᠤᠯᠬᠤ ᠪᠤᠶᠤ ᠰᠤᠷᠤᠯᠭ᠎ᠠ ᠠᠴᠠ ᠪᠠᠨ ᠲᠦᠷ ᠵᠤᠭᠰᠤᠬᠤ ᠦᠶ᠎ᠡ ᠳᠤ᠂ ᠲᠡᠬᠦᠨ ᠤ ᠡᠴᠢᠭᠡ ᠡᠭᠡ ᠨᠢ ᠪᠤᠶᠤ ᠬᠠᠤᠯᠢ ᠪᠠᠷ ᠲᠤᠭᠳᠠᠭᠠᠭᠰᠠᠨ ᠪᠤᠰᠤᠳ ᠬᠢᠨᠠᠨ ᠬᠠᠮᠠᠭᠠᠯᠠᠭᠴᠢ ᠨᠢ ᠭᠤᠶᠤᠴᠢᠯᠠᠯ ᠭᠠᠷᠭᠠᠵᠦ᠂ ᠲᠤᠬᠠᠢ ᠶᠢᠨ ᠭᠠᠵᠠᠷ ᠤᠨ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠪᠤᠶᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠣᠷᠳᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠢᠶᠠᠷ ᠵᠦᠪᠰᠢᠶᠡᠷᠡᠬᠦᠯᠬᠦ ᠬᠡᠷᠡᠭᠲᠠᠢ᠃      ᠠᠷᠪᠠᠨ ᠬᠤᠶᠠᠳᠤᠭᠠᠷ ᠵᠦᠢᠯ ᠰᠣᠷᠭᠠᠭᠤᠯᠢ ᠳᠤ ᠤᠷᠤᠬᠤ ᠨᠠᠰᠤᠨ ᠤ ᠬᠡᠤᠭᠡᠳ᠂ ᠪᠠᠭᠠᠴᠤᠳ ᠢ ᠰᠢᠯᠭᠠᠯᠳᠠ ᠬᠢᠬᠦ ᠦᠭᠡᠢ ᠪᠠᠷ ᠰᠤᠷᠭᠠᠭᠤᠯᠢ ᠳᠤ ᠤᠷᠤᠭᠤᠯᠤᠨ᠎ᠠ᠃ ᠤᠷᠤᠨ ᠨᠤᠳᠤᠭ ᠤᠨ ᠡᠯ᠎ᠡ ᠱᠠᠳᠣᠨ ᠤ ᠠᠷᠠᠳ ᠤᠨ ᠵᠠᠰᠠᠭ ᠤᠨ ᠤᠷᠳᠤᠨ ᠠᠴᠠ ᠰᠣᠷᠭᠠᠭᠤᠯᠢ ᠳᠤ ᠤᠷᠤᠬᠤ ᠨᠠᠰᠤᠨ ᠤ ᠬᠡᠤᠭᠡᠳ᠂ ᠪᠠᠭᠠᠴᠤᠳ ᠢ ᠡᠷᠦᠭᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠬᠡᠷ ᠠᠴᠠ ᠨᠢ ᠤᠶᠢᠷᠠᠯᠴᠠᠭ᠎ᠠ ᠰᠤᠷᠭᠠᠭᠤᠯᠢ ᠳᠤ ᠤᠷᠤᠭᠤᠯᠬᠤ ᠶᠢ ᠪᠠᠳᠤᠯᠠᠬᠤ ᠬᠡᠷᠡᠭᠲᠠᠢ᠃      ᠡᠴᠢᠭᠡ ᠡᠭᠡ ᠨᠢ ᠪᠤᠶᠤ ᠬᠠᠤᠯᠢ ᠪᠠᠷ ᠲᠤᠭᠳᠠᠭᠠᠭᠰᠠᠨ ᠪᠤᠰᠤᠳ ᠬᠢᠨᠠᠨ ᠬᠠᠮᠠᠭᠠᠯᠠᠭᠴᠢ ᠨᠢ ᠡᠷᠦᠭᠡ ᠠᠮᠠ ᠶᠢᠨ ᠲᠠᠩᠰᠠ ᠪᠠᠶᠢᠭ᠎ᠠ ᠭᠠᠵᠠᠷ ᠲᠠᠭᠠᠨ ᠠᠵᠢᠯᠯᠠᠬᠤ ᠪᠤᠶᠤ ᠰᠠᠭᠤᠵᠦ ᠪᠠᠶᠢᠬᠤ ᠦᠭᠡᠢ ᠪᠠᠶᠢᠳᠠᠯ ᠲᠤᠤᠷ᠎ᠡ᠂ ᠲᠡᠳᠡ ᠨᠠᠷ ᠤᠨ ᠰᠤᠷᠭᠠᠭᠤᠯᠢ ᠳᠤ ᠤᠷᠤᠬᠤ ᠨᠠᠰᠤᠨ ᠤ ᠬᠡᠤᠭᠡᠳ᠂ ᠪᠠᠭᠠᠴᠤᠳ ᠨᠢ ᠡᠴᠢᠭᠡ ᠡᠭᠡ ᠪᠤᠶᠤ ᠪᠤᠰᠤᠳ ᠬᠠᠤᠯᠢ ᠪᠠᠷ ᠲᠤᠭᠳᠠᠭᠠᠭᠰᠠᠨ ᠬᠢᠨᠠᠨ ᠬᠠᠮᠠᠭᠠᠯᠠᠭᠴᠢ ᠶᠢᠨ ᠠᠵᠢᠯᠯᠠᠵᠦ ᠪᠠᠶᠢᠭ᠎ᠠ ᠪᠤᠶᠤ ᠰᠠᠭᠤᠵᠦ ᠪᠠᠶᠢᠭ᠎ᠠ ᠭᠠᠵᠠᠷ ᠲᠤ ᠠᠯᠪᠠᠨ ᠵᠢᠷᠦᠮ ᠤᠨ ᠰᠤᠷᠭᠠᠨ ᠬᠦᠮᠦᠵᠢᠯ ᠢ ᠬᠦᠷᠳᠡᠬᠦ ᠭᠡᠪᠡᠯ᠂ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠤᠷᠳᠤᠨ ᠠᠴᠠ ᠲᠡᠳᠡ ᠨᠠᠷ ᠲᠤ ᠡᠷᠭᠡ ᠲᠡᠭᠰᠢ ᠪᠠᠷ ᠠᠯᠪᠠᠨ ᠵᠢᠷᠦᠮ ᠤᠨ ᠰᠤᠷᠭᠠᠨ ᠬᠦᠮᠦᠵᠢᠯ ᠬᠦᠷᠳᠡᠬᠦ ᠨᠦᠬᠦᠴᠡᠯ ᠬᠠᠩᠭᠠᠵᠦ ᠦᠭᠬᠦ ᠬᠡᠷᠡᠭᠲᠠᠢ᠃ ᠪᠤᠳᠠᠲᠠᠢ ᠠᠷᠭ᠎ᠠ ᠶᠢ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ ᠬᠤᠳᠠ ᠠᠴᠠ ᠲᠤᠭᠳᠠᠭᠠᠨ᠎ᠠ᠃      ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠲᠤᠰ ᠵᠠᠰᠠᠭ ᠵᠠᠬᠢᠷᠭᠠᠨ ᠤ ᠤᠷᠤᠨ ᠳᠠᠬᠢ ᠴᠡᠷᠢᠭ ᠬᠦᠮᠦᠨ ᠤ ᠦᠷ᠎ᠡ ᠬᠡᠤᠭᠡᠳ ᠤᠨ ᠠᠯᠪᠠᠨ ᠵᠢᠷᠦᠮ ᠤᠨ ᠰᠤᠷᠭᠠᠨ ᠬᠦᠮᠦᠵᠢᠯ ᠬᠦᠷᠳᠡᠬᠦ ᠶᠢ ᠪᠠᠳᠤᠯᠠᠨ᠎ᠠ᠃      ᠠᠷᠪᠠᠨ ᠭᠤᠷᠪᠠᠳᠤᠭᠠᠷ ᠵᠦᠢᠯ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠪᠤᠯᠤᠨ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠠᠴᠠ ᠵᠤᠬᠢᠶᠠᠨ ᠪᠠᠶᠢᠭᠤᠯᠤᠨ ᠰᠢᠪᠠᠳᠠᠵᠦ ᠪᠠᠶᠢᠭᠠᠳ᠂ ᠰᠤᠷᠭᠠᠭᠤᠯᠢ ᠳᠤ ᠤᠷᠤᠬᠤ ᠨᠠᠰᠤᠨ ᠤ ᠭᠡᠤᠭᠡᠳ ᠂ ᠪᠠᠭᠠᠴᠤᠳ ᠢ ᠰᠤᠷᠭᠠᠭᠤᠯᠢ ᠳᠤ ᠤᠷᠤᠭᠤᠯᠵᠦ᠂ ᠰᠤᠷᠭᠠᠭᠤᠯᠢ ᠳᠤ ᠤᠷᠤᠬᠤ ᠨᠠᠰᠤᠨ ᠤ ᠭᠡᠤᠭᠡᠳ᠂ ᠪᠠᠭᠠᠴᠤᠳ ᠤᠨ ᠠᠯᠪᠠᠨ ᠵᠢᠷᠦᠮ ᠤᠨ ᠰᠤᠷᠭᠠᠨ ᠬᠦᠮᠦᠵᠢᠯ ᠬᠦᠷᠳᠡᠬᠦ ᠬᠦᠴᠢᠷᠳᠠᠯ ᠢ ᠨᠢ ᠬᠠᠪᠰᠤᠷᠤᠨ ᠰᠢᠢᠳᠪᠤᠷᠢᠯᠡᠵᠦ᠂ ᠠᠷᠭ᠎ᠠ ᠭᠡᠮᠵᠢᠶ᠎ᠡ ᠠᠪᠴᠦ ᠪᠠᠶᠢᠭᠠᠳ ᠰᠤᠷᠭᠠᠭᠤᠯᠢ ᠳᠤ ᠤᠷᠤᠬᠤ ᠨᠠᠰᠤᠨ ᠤ ᠭᠡᠤᠭᠡᠳ᠂ ᠪᠠᠭᠠᠴᠤᠳ ᠤᠨ ᠰᠤᠷᠤᠯᠭ᠎ᠠ ᠪᠠᠨ ᠲᠤᠷᠭᠤᠨ ᠵᠤᠭᠰᠤᠬᠤ ᠶᠢ ᠬᠤᠷᠢᠭᠯᠠᠨ᠎ᠠ᠃      ᠰᠠᠭᠤᠭᠠᠯᠢ ᠠᠷᠠᠳ ᠤᠨ ᠵᠦᠪᠯᠡᠯ ᠪᠤᠯᠤᠨ ᠭᠠᠴᠠᠭᠠᠨ ᠤ ᠠᠷᠠᠳ ᠤᠨ ᠵᠦᠪᠯᠡᠯ ᠨᠢ ᠵᠠᠰᠠᠭ ᠤᠨ ᠤᠷᠳᠤᠨ ᠳᠤ ᠬᠠᠮᠵᠢᠨ ᠠᠵᠢᠯ ᠢ ᠰᠠᠶᠢᠳᠤᠷ ᠬᠢᠵᠦ᠂ ᠰᠤᠷᠭᠠᠭᠤᠯᠢ ᠳᠤ ᠤᠷᠤᠬᠤ ᠨᠠᠰᠤᠨ ᠤ ᠭᠡᠤᠭᠡᠳ᠂ ᠪᠠᠭᠠᠴᠤᠳ ᠢ ᠰᠢᠪᠠᠳᠠᠵᠦ ᠪᠠᠶᠢᠭᠠᠳ ᠰᠤᠷᠭᠠᠭᠤᠯᠢ ᠳᠤ ᠤᠷᠤᠭᠤᠯᠤᠨ᠎ᠠ᠃      ᠠᠷᠪᠠᠨ ᠲᠦᠷᠪᠡᠳᠦᠭᠡᠷ ᠵᠦᠢᠯ ᠠᠯᠪᠠᠨ ᠵᠢᠷᠦᠮ ᠤᠨ ᠰᠤᠷᠭᠠᠨ ᠬᠦᠮᠦᠵᠢᠯ ᠬᠦᠷᠳᠡᠬᠦ ᠶᠤᠰᠤᠲᠠᠢ ᠰᠤᠷᠭᠠᠭᠤᠯᠢ ᠳᠤ ᠤᠷᠤᠬᠤ ᠨᠠᠰᠤᠨ ᠤ ᠭᠡᠤᠭᠡᠳ᠂ ᠪᠠᠭᠠᠴᠤᠳ ᠢ ᠠᠵᠢᠯᠳᠠᠨ ᠬᠡᠷᠡᠭᠯᠡᠬᠦ ᠨᠢᠭᠡᠴᠡ ᠡᠯᠰᠡᠵᠦ ᠬᠡᠷᠡᠭᠯᠡᠬᠦ ᠶᠢ ᠬᠤᠷᠢᠭᠯᠠᠨ᠎ᠠ᠃      ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠢ ᠦᠨᠳᠦᠰᠦᠯᠡᠨ ᠰᠤᠷᠭᠠᠭᠤᠯᠢ ᠳᠤ ᠤᠷᠤᠬᠤ ᠨᠠᠰᠤᠨ ᠤ ᠭᠡᠤᠭᠡᠳ᠂ ᠪᠠᠭᠠᠴᠣᠳ ᠢ ᠡᠯᠰᠡᠵᠦ ᠤᠷᠠᠯᠢᠭ᠂ ᠪᠡᠶ᠎ᠡ ᠶᠢᠨ ᠲᠠᠮᠢᠷ ᠵᠡᠷᠭᠡ ᠲᠤᠰᠬᠠᠢ ᠮᠡᠷᠭᠡᠵᠢᠯ ᠤᠨ ᠪᠤᠯᠪᠠᠰᠤᠷᠠᠯ ᠬᠢᠯᠭᠡᠬᠦ ᠪᠠᠷ ᠵᠦᠪᠰᠢᠶᠡᠷᠡᠬᠦᠯᠦᠭᠰᠡᠨ ᠨᠡᠶᠢᠭᠡᠮ ᠤᠨ ᠵᠤᠬᠢᠶᠠᠨ ᠪᠠᠶᠢᠭᠤᠯᠤᠯᠳᠠ ᠨᠢ ᠡᠯᠰᠡᠵᠦ ᠠᠪᠤᠭᠰᠠᠨ ᠰᠤᠷᠭᠠᠭᠤᠯᠢ ᠳᠤ ᠤᠷᠤᠬᠤ ᠨᠠᠰᠤᠨ ᠤ ᠬᠡᠤᠭᠡᠳ᠂ ᠪᠠᠭᠠᠴᠤᠳ ᠤᠨ ᠠᠯᠪᠠᠨ ᠵᠢᠷᠦᠮ ᠤᠨ ᠰᠤᠷᠭᠠᠨ ᠬᠦᠮᠦᠵᠢᠯ ᠬᠦᠷᠳᠡᠬᠦ ᠶᠢ ᠪᠠᠳᠤᠯᠠᠬᠤ ᠬᠡᠷᠡᠭᠲᠠᠢ︔ ᠠᠯᠪᠠᠨ ᠵᠢᠷᠦᠮ ᠤᠨ ᠰᠤᠷᠭᠠᠨ ᠬᠦᠮᠦᠵᠢᠯ ᠢ ᠦᠪᠡᠷᠳᠡᠭᠡᠨ ᠬᠡᠷᠡᠭᠵᠢᠬᠦᠯᠬᠦ ᠳᠤ ᠬᠦᠷᠪᠡᠯ᠂ ᠰᠢᠶᠠᠨ ᠤ ᠱᠠᠳᠣᠨ ᠤ ᠠᠷᠠᠳ ᠤᠨ ᠵᠠᠰᠠᠭ ᠤᠨ ᠤᠷᠳᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠢᠶᠠᠷ ᠵᠦᠪᠰᠢᠶᠡᠷᠡᠬᠦᠯᠬᠦ ᠬᠡᠷᠡᠭᠲᠠᠢ᠃      ᠭᠤᠷᠪᠠᠳᠤᠭᠠᠷ ᠪᠦᠯᠦᠭ ᠰᠣᠷᠭᠠᠭᠤᠯᠢ      ᠠᠷᠪᠠᠨ ᠲᠠᠪᠤᠳᠤᠭᠠᠷ ᠵᠦᠢᠯ ᠰᠢᠶᠠᠨ ᠤ ᠱᠠᠳᠣᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠠᠴᠠ ᠲᠤᠰ ᠵᠠᠰᠠᠭ ᠵᠠᠬᠢᠷᠭᠠᠨ ᠤ ᠤᠷᠤᠨ ᠳᠠᠬᠢ ᠰᠤᠷᠭᠠᠭᠤᠯᠢ ᠳᠤ ᠤᠷᠤᠬᠤ ᠨᠠᠰᠤᠨ ᠤ ᠭᠡᠤᠭᠡᠳ᠂ ᠪᠠᠭᠠᠴᠤᠳ ᠤᠨ ᠲᠤᠭ᠎ᠠ ᠭᠡᠮᠵᠢᠶ᠎ᠡ ᠪᠠ ᠲᠠᠷᠬᠠᠯᠳᠠ ᠶᠢᠨ ᠪᠠᠶᠢᠳᠠᠯ ᠵᠡᠷᠭᠡ ᠡᠯᠧᠮᠧᠨ᠋ᠲ ᠢ ᠦᠨᠳᠦᠰᠦᠯᠡᠨ᠂ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠢ ᠦᠨᠳᠦᠰᠦᠯᠡᠵᠦ ᠪᠠᠶᠢᠭᠠᠳ ᠰᠤᠷᠭᠠᠭᠤᠯᠢ ᠪᠠᠶᠢᠭᠤᠯᠬᠤ ᠲᠦᠯᠦᠪᠵᠢᠬᠦᠯᠭᠡ ᠪᠠᠨ ᠲᠤᠭᠳᠠᠭᠠᠨ ᠲᠤᠬᠢᠷᠠᠭᠤᠯᠤᠨ᠎ᠠ᠃ ᠰᠢᠨ᠎ᠡ ᠪᠠᠷ ᠪᠠᠶᠢᠭᠤᠯᠤᠭᠰᠠᠨ ᠰᠠᠭᠤᠭᠠᠯᠢ ᠠᠷᠠᠳ ᠤᠨ ᠲᠤᠭᠤᠷᠢᠭ ᠲᠤ ᠰᠤᠷᠭᠠᠭᠤᠯᠢ ᠪᠠᠶᠢᠭᠤᠯᠬᠤ ᠬᠡᠷᠡᠭᠴᠡᠭᠡ ᠲᠠᠢ ᠪᠠᠶᠢᠪᠠᠯ᠂ ᠲᠡᠬᠦᠨ ᠢ ᠰᠠᠭᠤᠭᠠᠯᠢ ᠠᠷᠠᠳ ᠤᠨ ᠲᠤᠭᠤᠷᠢᠭ ᠤᠨ ᠪᠦᠳᠦᠭᠡᠨ ᠪᠠᠶᠢᠭᠤᠯᠤᠯᠳᠠ ᠯᠤᠭ᠎ᠠ ᠵᠡᠷᠭᠡᠪᠡᠷ ᠶᠠᠪᠤᠭᠳᠠᠭᠤᠯᠬᠤ ᠬᠡᠷᠡᠭᠲᠠᠢ᠃      ᠠᠷᠪᠠᠨ ᠵᠢᠷᠭᠤᠳᠤᠭᠠᠷ ᠵᠦᠢᠯ ᠰᠣᠷᠭᠠᠭᠤᠯᠢ ᠶᠢ ᠪᠦᠳᠦᠭᠡᠨ ᠪᠠᠶᠢᠭᠤᠯᠬᠤ ᠳᠠᠭᠠᠨ ᠤᠯᠤᠰ ᠤᠨ ᠲᠤᠭᠳᠠᠭᠠᠭᠰᠠᠨ ᠰᠤᠷᠭᠠᠭᠤᠯᠢ ᠡᠷᠬᠢᠯᠡᠬᠦ ᠪᠠᠷᠢᠮᠵᠢᠶ᠎ᠡ ᠳᠤ ᠨᠡᠶᠢᠴᠡᠬᠦᠯᠵᠦ᠂ ᠰᠤᠷᠭᠠᠨ ᠬᠦᠮᠦᠵᠢᠬᠦᠯᠬᠦ ᠪᠠ ᠵᠢᠭᠠᠨ ᠰᠤᠷᠭᠠᠬᠤ ᠬᠡᠷᠡᠭᠴᠡᠭᠡ ᠳᠤ ᠵᠤᠬᠢᠴᠠᠭᠤᠯᠬᠤ ᠬᠡᠷᠡᠭᠲᠠᠢ︔ ᠤᠯᠤᠰ ᠤᠨ ᠲᠤᠭᠳᠠᠭᠠᠭᠰᠠᠨ ᠭᠠᠵᠠᠷ ᠰᠤᠩᠭᠤᠬᠤ ᠱᠠᠭᠠᠷᠳᠠᠯᠭ᠎ᠠ ᠪᠠ ᠪᠦᠳᠦᠭᠡᠨ ᠪᠠᠶᠢᠭᠤᠯᠬᠤ ᠪᠠᠷᠢᠮᠵᠢᠶ᠎ᠡ ᠳᠤ ᠨᠡᠶᠢᠴᠡᠬᠦᠯᠵᠦ᠂ ᠰᠤᠷᠤᠭᠴᠢ ᠪᠠ ᠪᠠᠭᠰᠢ ᠠᠵᠢᠯᠳᠠᠳ ᠤᠨ ᠠᠮᠤᠷ ᠲᠦᠪᠰᠢᠨ ᠢ ᠦᠨᠡᠨ ᠬᠦ ᠪᠠᠳᠤᠯᠠᠬᠤ ᠬᠡᠷᠡᠭᠲᠠᠢ᠃      ᠠᠷᠪᠠᠨ ᠲᠤᠯᠤᠳᠤᠭᠠᠷ ᠵᠦᠢᠯ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠬᠡᠷᠡᠭᠴᠡᠭᠡ ᠪᠠᠨ ᠦᠨᠳᠦᠰᠦᠯᠡᠨ ᠪᠠᠶᠢᠷᠢ ᠳᠤ ᠰᠠᠭᠤᠬᠤ ᠲᠦᠷᠢᠮᠳᠦ ᠰᠤᠷᠭᠠᠭᠤᠯᠢ ᠪᠠᠶᠢᠭᠤᠯᠵᠦ᠂ ᠲᠠᠷᠠᠬᠠᠢ ᠪᠤᠳᠠᠷᠬᠠᠢ ᠰᠠᠭᠤᠵᠦ ᠪᠠᠶᠢᠭ᠎ᠠ ᠰᠤᠷᠭᠠᠭᠤᠯᠢ ᠳᠤ ᠤᠷᠤᠬᠤ ᠨᠠᠰᠤᠨ ᠤ ᠭᠡᠤᠭᠡᠳ᠂ ᠪᠠᠭᠠᠴᠤᠳ ᠤᠨ ᠰᠤᠷᠭᠠᠭᠤᠯᠢ ᠳᠤ ᠤᠷᠤᠵᠦ ᠠᠯᠪᠠᠨ ᠵᠢᠷᠦᠮ ᠤᠨ ᠰᠤᠷᠭᠠᠨ ᠬᠦᠮᠦᠵᠢᠯ ᠬᠦᠷᠳᠡᠭᠦ ᠶᠢ ᠪᠠᠳᠤᠯᠠᠨ᠎ᠠ᠃      ᠠᠷᠪᠠᠨ ᠨᠠᠢᠮᠠᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠪᠤᠯᠤᠨ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠠᠴᠠ ᠬᠡᠷᠡᠭᠴᠡᠭᠡ ᠪᠠᠨ ᠦᠨᠳᠦᠰᠦᠯᠡᠵᠦ ᠪᠠᠶᠢᠭᠠᠳ ᠠᠵᠦ ᠠᠬᠤᠢ ᠬᠦᠭᠵᠢᠭᠰᠡᠨ ᠭᠠᠵᠠᠷ ᠤᠷᠤᠨ ᠳᠤ ᠴᠦᠭᠡᠨ ᠲᠤᠭᠠᠳᠦ ᠦᠨᠳᠦᠰᠦᠳᠡᠨ ᠤ ᠰᠤᠷᠭᠠᠭᠤᠯᠢ ᠳᠤ ᠤᠷᠤᠬᠤ ᠨᠠᠰᠤᠨ ᠤ ᠭᠡᠤᠭᠡᠳ᠂ ᠪᠠᠭᠠᠴᠤᠳ ᠢ ᠬᠦᠯᠢᠶᠡᠨ ᠠᠪᠬᠤ ᠰᠤᠷᠭᠠᠭᠤᠯᠢ ︵ᠠᠩᠬᠢ︶ ᠭᠠᠷᠭᠠᠨ᠎ᠠ᠃      ᠠᠷᠪᠠ ᠶᠢᠰᠦᠳᠦᠭᠡᠷ ᠵᠦᠢᠯ ᠰᠢᠶᠠᠨ ᠤ ᠱᠠᠳᠣᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠠᠴᠠ ᠬᠡᠷᠡᠭᠴᠡᠭᠡ ᠪᠠᠨ ᠦᠨᠳᠦᠰᠦᠯᠡᠨ ᠤᠨᠴᠠᠭᠠᠢ ᠰᠤᠷᠭᠠᠨ ᠬᠦᠮᠦᠵᠢᠯ ᠢ ᠬᠡᠷᠡᠭᠵᠢᠬᠦᠯᠬᠦ ᠵᠤᠬᠢᠴᠠᠩᠭᠤᠢ ᠰᠤᠷᠭᠠᠭᠤᠯᠢ ︵ᠠᠩᠬᠢ︶ ᠭᠠᠷᠭᠠᠵᠦ᠂ ᠬᠠᠷᠠᠭ᠎ᠠ ᠵᠡᠮᠳᠡᠭ᠂ ᠰᠤᠨᠤᠷ ᠪᠠ ᠦᠭᠡ ᠬᠡᠯᠡ ᠨᠢ ᠵᠡᠮᠳᠡᠭ ᠪᠤᠯᠤᠨ ᠤᠶᠤᠨ ᠤᠬᠠᠭᠠᠨ ᠨᠢ ᠵᠡᠮᠳᠡᠭ ᠰᠤᠷᠭᠠᠭᠤᠯᠢ ᠳᠤ ᠤᠷᠤᠬᠤ ᠨᠠᠰᠤᠨ ᠤ ᠭᠡᠤᠭᠡᠳ᠂ ᠪᠠᠭᠠᠴᠤᠳ ᠲᠤ ᠠᠯᠪᠠᠨ ᠵᠢᠷᠦᠮ ᠤᠨ ᠰᠤᠷᠭᠠᠨ ᠬᠦᠮᠦᠵᠢᠯ ᠬᠦᠷᠳᠡᠭᠡᠨ᠎ᠡ᠃ ᠤᠨᠴᠠᠭᠠᠢ ᠰᠤᠷᠭᠠᠨ ᠬᠦᠮᠦᠵᠢᠯ ᠤᠨ ᠰᠤᠷᠭᠠᠭᠤᠯᠢ ︵ᠠᠩᠬᠢ︶ ᠨᠢ ᠵᠡᠮᠳᠡᠭ ᠬᠡᠤᠭᠡᠳ᠂ ᠪᠠᠭᠠᠴᠤᠳ ᠤᠨ ᠰᠣᠷᠤᠯᠴᠠᠬᠤ᠂ ᠡᠷᠡᠬᠦᠯᠵᠢᠬᠦ᠂ ᠠᠮᠢᠳᠤᠷᠠᠯ ᠤᠨ ᠤᠨᠴᠠᠯᠢᠭ ᠲᠤ ᠲᠤᠬᠢᠷᠠᠭᠰᠠᠨ ᠲᠠᠯᠠᠪᠤᠷ ᠭᠠᠵᠠᠷ ᠪᠠ ᠲᠤᠨᠤᠭ ᠲᠦᠬᠦᠭᠡᠷᠦᠮᠵᠢ ᠶᠢ ᠪᠦᠷᠢᠯᠳᠦᠬᠦᠯᠬᠦ ᠬᠡᠷᠡᠭᠲᠠᠢ᠃      ᠡᠩ ᠤᠨ ᠰᠤᠷᠭᠠᠭᠤᠯᠢ ᠨᠢ ᠡᠩ ᠤᠨ ᠰᠤᠷᠭᠠᠨ ᠬᠦᠮᠦᠵᠢᠯ ᠢ ᠬᠦᠷᠳᠡᠬᠦ ᠴᠢᠳᠠᠪᠤᠷᠢ ᠲᠠᠢ ᠰᠤᠷᠭᠠᠭᠤᠯᠢ ᠳᠤ ᠤᠷᠤᠬᠤ ᠨᠠᠰᠤᠨ ᠤ ᠵᠡᠮᠳᠡᠭ ᠬᠡᠤᠭᠡᠳ᠂ ᠪᠠᠭᠠᠴᠣᠳ ᠤᠨ ᠠᠩᠬᠢ ᠲᠠᠭᠠᠵᠦ ᠰᠤᠷᠤᠯᠴᠠᠬᠤ ᠶᠢ ᠬᠦᠯᠢᠶᠡᠵᠦ ᠠᠪᠬᠤ ᠬᠡᠷᠡᠭᠲᠠᠢ ᠪᠦᠭᠡᠳ ᠲᠡᠳᠡ ᠨᠠᠷ ᠤᠨ ᠰᠣᠷᠤᠯᠴᠠᠬᠤ᠂ ᠡᠷᠡᠬᠦᠯᠵᠢᠬᠦ ᠳᠤ ᠲᠡᠮᠵᠢᠯᠭᠡ ᠦᠵᠡᠬᠦᠯᠬᠦ ᠬᠡᠷᠡᠭᠲᠠᠢ᠃      ᠬᠤᠷᠢᠳᠤᠭᠠᠷ ᠵᠦᠢᠯ ᠰᠢᠶᠠᠨ ᠱᠠᠳᠣᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠠᠴᠠ ᠬᠡᠷᠡᠭᠴᠡᠭᠡ ᠪᠠᠨ ᠦᠨᠳᠦᠰᠦᠯᠡᠨ᠂ ᠨᠠᠰᠣᠨ ᠳᠤ ᠦᠯᠦ ᠬᠦᠷᠦᠭᠰᠡᠳ ᠤᠨ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠬᠦ ᠬᠠᠤᠯᠢ ᠳᠤ ᠲᠤᠭᠳᠠᠭᠠᠭᠰᠠᠨ ᠬᠦᠨᠳᠦ ᠨᠤᠴᠢᠲᠠᠢ ᠮᠠᠭᠤ ᠦᠢᠯᠡ ᠠᠵᠢᠯᠯᠠᠭ᠎ᠠ ᠪᠦᠬᠦᠢ ᠰᠤᠷᠭᠠᠭᠤᠯᠢ ᠳᠤ ᠤᠷᠤᠬᠤ ᠨᠠᠰᠤᠨ ᠤ ᠪᠠᠭᠠᠴᠤᠳ ᠲᠤ ᠲᠤᠰᠬᠠᠢ ᠰᠤᠷᠭᠠᠭᠤᠯᠢ ᠪᠠᠶᠢᠭᠤᠯᠵᠦ᠂ ᠠᠯᠪᠠᠨ ᠵᠢᠷᠦᠮ ᠤᠨ ᠰᠤᠷᠭᠠᠨ ᠬᠦᠮᠦᠵᠢᠯ ᠢ ᠬᠡᠷᠡᠭᠵᠬᠦᠯᠦᠨ᠎ᠡ᠃      ᠬᠤᠷᠢᠨ ᠨᠢᠭᠡᠳᠦᠭᠡᠷ ᠵᠦᠢᠯ ᠠᠯᠪᠠᠨ ᠵᠢᠷᠦᠮ ᠤᠨ ᠰᠤᠷᠭᠠᠨ ᠬᠦᠮᠦᠵᠢᠯ ᠲᠡᠬᠦᠰᠭᠡᠭᠰᠡᠨ ᠦᠭᠡᠢ ᠨᠠᠰᠤᠨ ᠳᠤ ᠦᠯᠦ ᠬᠦᠷᠦᠭᠰᠡᠨ ᠶᠠᠯᠠᠳᠠᠨ ᠪᠠ ᠠᠯᠪᠠᠳᠠᠯᠭ᠎ᠠ ᠶᠢᠨ ᠴᠢᠨᠠᠷᠲᠠᠢ ᠰᠤᠷᠭᠠᠨ ᠬᠦᠮᠦᠵᠢᠬᠦᠯᠬᠦ ᠠᠷᠭ᠎ᠠ ᠠᠪᠤᠭᠤᠯᠵᠦ ᠪᠠᠶᠢᠭ᠎ᠠ ᠨᠠᠰᠤᠨ ᠳᠤ ᠦᠯᠦ ᠬᠦᠷᠦᠭᠰᠡᠳ ᠲᠤ ᠠᠯᠪᠠᠨ ᠵᠢᠷᠦᠮ ᠤᠨ ᠰᠣᠷᠭᠠᠨ ᠬᠦᠮᠦᠵᠢᠯ ᠢ ᠬᠦᠷᠳᠡᠭᠡᠬᠦ ᠬᠡᠷᠡᠭᠲᠠᠢ᠂ ᠬᠡᠷᠡᠭᠰᠡᠬᠦ ᠵᠠᠷᠤᠳᠠᠯ ᠢ ᠨᠢ ᠠᠷᠠᠳ ᠤᠨ ᠵᠠᠰᠠᠭ ᠤᠨ ᠤᠷᠳᠤᠨ ᠠᠴᠠ ᠪᠠᠳᠤᠯᠠᠨ᠎ᠠ᠃      ᠬᠤᠷᠢᠨ ᠬᠤᠶᠠᠳᠤᠭᠠᠷ ᠵᠦᠢᠯ ᠰᠢᠶᠠᠨ ᠤᠨ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠣᠷᠳᠤᠨ ᠵᠢᠴᠢ ᠲᠡᠬᠦᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠰᠤᠷᠭᠠᠭᠤᠯᠢ ᠶᠢᠨ ᠲᠡᠩᠴᠡᠬᠦᠷᠢᠲᠠᠢ ᠬᠦᠭᠵᠢᠯᠳᠡ ᠶᠢ ᠠᠬᠢᠭᠤᠯᠵᠦ᠂ ᠰᠣᠷᠭᠠᠭᠤᠯᠢ ᠨᠤᠭᠤᠳ ᠤᠨ ᠬᠤᠭᠤᠷᠤᠨᠳᠤᠬᠢ ᠰᠣᠷᠭᠠᠭᠤᠯᠢ ᠡᠷᠬᠢᠯᠡᠬᠦ ᠨᠦᠬᠦᠴᠡᠯ ᠤᠨ ᠵᠦᠷᠢᠶ᠎ᠡ ᠶᠢ ᠪᠠᠭᠠᠰᠬᠠᠬᠤ ᠬᠡᠷᠡᠭᠲᠠᠢ᠂ ᠰᠤᠷᠭᠠᠭᠤᠯᠢ ᠶᠢ ᠭᠤᠤᠯᠳᠠᠯᠭᠠᠳᠦ ᠰᠤᠷᠭᠠᠭᠤᠯᠢ ᠪᠠ ᠭᠤᠤᠯᠳᠠᠯᠭᠠᠳᠦ ᠪᠤᠰᠤ ᠰᠤᠷᠭᠠᠭᠤᠯᠢ ᠭᠡᠵᠦ ᠬᠤᠪᠢᠶᠠᠵᠦ ᠪᠤᠯᠬᠤ ᠦᠭᠡᠢ᠃ ᠰᠤᠷᠭᠠᠭᠤᠯᠢ ᠨᠢ ᠭᠤᠤᠯᠳᠠᠯᠭᠠᠳᠦ ᠠᠩᠬᠢ ᠪᠠ ᠭᠤᠤᠯᠳᠠᠯᠭᠠᠳᠦ ᠪᠤᠰᠤ ᠠᠩᠬᠢ ᠭᠡᠵᠦ ᠬᠤᠪᠢᠶᠠᠵᠦ ᠪᠤᠯᠬᠤ ᠦᠭᠡᠢ᠃      ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠵᠢᠴᠢ ᠲᠡᠬᠦᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠠᠯᠪᠠᠨ ᠠᠴᠠ ᠡᠷᠬᠢᠯᠡᠭᠰᠡᠨ ᠰᠤᠷᠭᠠᠭᠤᠯᠢ ᠶᠢᠨ ᠰᠢᠨᠵᠢ ᠴᠢᠨᠠᠷ ᠢ ᠶᠠᠮᠠᠷᠪᠠ ᠨᠡᠷ᠎ᠡ ᠪᠠᠷ ᠬᠤᠪᠢᠷᠠᠭᠤᠯᠬᠤ ᠪᠤᠶᠤ ᠬᠡᠯᠪᠡᠷᠢ ᠶᠢ ᠨᠢ ᠦᠭᠡᠷᠡᠳᠦᠬᠦᠯᠦᠨ ᠬᠤᠪᠢᠷᠠᠭᠤᠯᠵᠦ ᠪᠤᠯᠬᠤ ᠦᠭᠡᠢ᠃      ᠬᠤᠷᠢᠨ ᠭᠤᠷᠪᠠᠳᠤᠭᠠᠷ ᠵᠦᠢᠯ ᠡᠯ᠎ᠡ ᠱᠠᠳᠣᠨ ᠤ ᠠᠷᠠᠳ ᠤᠨ ᠵᠠᠰᠠᠭ ᠤᠨ ᠤᠷᠳᠤᠨ ᠵᠢᠴᠢ ᠲᠡᠬᠦᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠬᠠᠤᠯᠢ ᠶᠤᠰᠤᠭᠠᠷ ᠰᠤᠷᠭᠠᠭᠤᠯᠢ ᠶᠢᠨ ᠡᠷᠬᠢᠨ ᠲᠤᠭᠤᠷᠢᠨ ᠤ ᠡᠮᠬᠢ ᠵᠢᠷᠦᠮ ᠢ ᠬᠠᠮᠠᠭᠠᠯᠠᠵᠦ᠂ ᠰᠤᠷᠤᠭᠴᠢ᠂ ᠪᠠᠭᠰᠢ᠂ ᠰᠤᠷᠭᠠᠭᠤᠯᠢ ᠶᠢᠨ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠵᠦ᠂ ᠰᠤᠷᠭᠠᠭᠤᠯᠢ ᠳᠤ ᠠᠮᠤᠷ ᠲᠦᠪᠰᠢᠨ ᠤ ᠪᠠᠳᠤᠯᠠᠭ᠎ᠠ ᠶᠢ ᠬᠠᠩᠭᠠᠨ᠎ᠠ᠃      ᠬᠤᠷᠢᠨ ᠲᠦᠷᠪᠡᠳᠦᠭᠡᠷ ᠵᠦᠢᠯ ᠰᠤᠷᠭᠠᠭᠤᠯᠢ ᠠᠴᠠ ᠠᠶᠤᠯᠬᠦᠢ ᠶᠢᠨ ᠲᠦᠷᠢᠮ ᠪᠠ ᠪᠠᠴᠢᠮ ᠪᠠᠶᠢᠳᠠᠯ ᠢ ᠠᠷᠭᠠᠴᠠᠬᠤ ᠲᠤᠭᠳᠠᠴᠠ ᠶᠢ ᠪᠠᠶᠢᠭᠤᠯᠤᠨ ᠲᠡᠬᠦᠯᠳᠡᠷᠵᠢᠬᠦᠯᠵᠦ᠂ ᠰᠤᠷᠤᠭᠴᠢᠳ ᠲᠤ ᠠᠶᠤᠯᠬᠦᠢ ᠶᠢᠨ ᠲᠤᠬᠠᠢ ᠬᠦᠮᠦᠵᠢᠯ ᠬᠢᠵᠦ᠂ ᠬᠠᠮᠢᠶᠠᠷᠤᠯᠳᠠ ᠪᠠᠨ ᠴᠢᠩᠭᠠᠳᠬᠠᠵᠦ᠂ ᠲᠠᠯᠳᠠ ᠭᠡᠮ ᠢ ᠴᠠᠭ ᠲᠤᠬᠠᠢ ᠳᠤᠨᠢ ᠠᠷᠢᠯᠭᠠᠵᠦ᠂ ᠠᠳᠡᠯ ᠭᠠᠷᠬᠤ ᠶᠢ ᠤᠷᠢᠳᠴᠢᠯᠠᠨ ᠰᠡᠷᠭᠡᠶᠢᠯᠡᠬᠦ ᠬᠡᠷᠡᠭᠲᠠᠢ᠃      ᠰᠢᠶᠠᠨ ᠤ ᠱᠠᠳᠣᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠠᠴᠠ ᠰᠤᠷᠭᠠᠭᠤᠯᠢ ᠶᠢᠨ ᠪᠠᠶᠢᠷᠢ ᠶᠢᠨ ᠠᠶᠤᠯᠬᠦᠢ ᠶᠢ ᠲᠤᠭᠳᠠᠮᠠᠯ ᠬᠤᠭᠤᠴᠠᠭ᠎ᠠ ᠲᠠᠢ ᠪᠠᠷ ᠪᠠᠶᠢᠴᠠᠭᠠᠨ᠎ᠠ︔ ᠰᠡᠯᠪᠢᠨ ᠵᠠᠰᠠᠵᠦ᠂ ᠦᠭᠡᠷᠡᠴᠢᠯᠡᠬᠦ ᠴᠢᠬᠤᠯᠠᠲᠠᠢ ᠪᠠᠶᠢᠪᠠᠯ ᠴᠠᠭ ᠲᠤᠬᠠᠢ ᠳᠤᠨᠢ ᠰᠡᠯᠪᠢᠨ ᠵᠠᠰᠠᠵᠦ᠂ ᠦᠭᠡᠷᠡᠴᠢᠯᠡᠬᠦ ᠬᠡᠷᠡᠭᠲᠠᠢ᠃      ᠰᠣᠷᠭᠠᠭᠤᠯᠢ ᠨᠢ ᠵᠤᠷᠢᠭᠤᠳᠠ ᠶᠠᠯ᠎ᠠ ᠬᠢᠵᠦ ᠬᠠᠤᠯᠢ ᠶᠤᠰᠤᠭᠠᠷ ᠤᠯᠤᠰ ᠲᠦᠷᠦ ᠶᠢᠨ ᠡᠷᠭᠡ ᠪᠠᠨ ᠬᠠᠰᠤᠭᠤᠯᠤᠭᠰᠠᠨ ᠬᠦᠮᠦᠨ ᠪᠤᠶᠤ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠠᠵᠢᠯ ᠢ ᠬᠢᠬᠦ ᠳᠤ ᠲᠤᠬᠢᠷᠠᠬᠤ ᠦᠭᠡᠢ ᠪᠤᠰᠤᠳ ᠬᠦᠮᠦᠨ ᠢ ᠤᠷᠢᠨ ᠬᠡᠷᠡᠭᠯᠡᠵᠦ ᠰᠤᠷᠭᠠᠭᠤᠯᠢ ᠶᠢᠨ ᠠᠵᠢᠯᠳᠠᠨ ᠪᠤᠯᠭᠠᠵᠦ ᠪᠤᠯᠬᠤ ᠦᠭᠡᠢ᠃      ᠬᠤᠷᠢᠨ ᠲᠠᠪᠤᠳᠤᠭᠠᠷ ᠵᠦᠢᠯ ᠰᠣᠷᠭᠠᠭᠤᠯᠢ ᠨᠢ ᠤᠯᠤᠰ ᠤᠨ ᠲᠤᠭᠳᠠᠭᠠᠯ ᠢ ᠵᠦᠷᠢᠴᠡᠵᠦ ᠰᠦᠢᠳᠭᠡᠯ ᠬᠤᠷᠢᠶᠠᠵᠦ ᠪᠤᠯᠬᠤ ᠦᠭᠡᠢ᠂ ᠰᠤᠷᠤᠭᠴᠢᠳ ᠲᠤ ᠲᠠᠸᠡᠷ᠂ ᠦᠢᠯᠡᠴᠢᠯᠡᠭᠡ ᠶᠢ ᠪᠤᠷᠤᠯᠠᠭᠤᠯᠬᠤ ᠪᠤᠶᠤ ᠬᠡᠯᠪᠡᠷᠢ ᠶᠢ ᠨᠢ ᠦᠭᠡᠷᠡᠳᠦᠬᠦᠯᠦᠨ ᠪᠤᠷᠤᠯᠠᠭᠤᠯᠬᠤ ᠵᠡᠷᠭᠡ ᠠᠷᠭ᠎ᠠ ᠬᠡᠯᠪᠡᠷᠢ ᠪᠠᠷ ᠠᠰᠢᠭ ᠲᠤᠰᠠ ᠤᠯᠵᠦ ᠪᠤᠯᠬᠤ ᠦᠭᠡᠢ᠃      ᠬᠤᠷᠢᠨ ᠵᠢᠷᠭᠤᠳᠤᠭᠠᠷ ᠵᠦᠢᠯ ᠰᠣᠷᠭᠠᠭᠤᠯᠢ ᠨᠢ ᠰᠤᠷᠭᠠᠭᠤᠯᠢ ᠶᠢᠨ ᠲᠠᠷᠤᠭ᠎ᠠ ᠶᠢᠨ ᠬᠠᠷᠢᠭᠤᠴᠠᠬᠤ ᠲᠦᠷᠢᠮ ᠢ ᠬᠡᠷᠡᠭᠵᠢᠬᠦᠯᠦᠨ᠎ᠡ᠃ ᠰᠤᠷᠭᠠᠭᠤᠯᠢ ᠶᠢᠨ ᠲᠠᠷᠤᠭ᠎ᠠ ᠨᠢ ᠤᠯᠤᠰ ᠤᠨ ᠲᠤᠭᠳᠠᠭᠠᠭᠰᠠᠨ ᠲᠤᠰᠢᠶᠠᠯ ᠡᠬᠦᠷᠭᠡᠯᠡᠬᠦ ᠨᠦᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠠᠢ᠃ ᠰᠣᠷᠭᠠᠭᠤᠯᠢ ᠶᠢᠨ ᠲᠠᠷᠤᠭ᠎ᠠ ᠶᠢ ᠰᠢᠶᠠᠨ ᠤ ᠱᠠᠳᠣᠨ ᠤ ᠠᠷᠠᠳ ᠤᠨ ᠵᠠᠰᠠᠭ ᠤᠨ ᠣᠷᠳᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠬᠠᠤᠯᠢ ᠶᠤᠰᠤᠭᠠᠷ ᠤᠷᠢᠨ ᠲᠤᠮᠢᠯᠠᠨ᠎ᠠ᠃      ᠬᠤᠷᠢᠨ ᠲᠤᠯᠤᠳᠤᠭᠠᠷ ᠵᠦᠢᠯ ᠰᠣᠷᠭᠠᠭᠤᠯᠢ ᠶᠢᠨ ᠬᠠᠮᠢᠶᠠᠷᠤᠯᠳᠠ ᠶᠢᠨ ᠲᠦᠷᠢᠮ ᠢ ᠵᠦᠷᠢᠴᠡᠭᠰᠡᠨ ᠰᠤᠷᠤᠭᠴᠢᠳ ᠢ ᠰᠤᠷᠭᠠᠭᠤᠯᠢ ᠠᠴᠠ ᠰᠢᠬᠦᠮᠵᠢᠯᠡᠨ ᠰᠤᠷᠭᠠᠬᠤ ᠬᠡᠷᠡᠭᠲᠠᠢ᠂ ᠰᠤᠷᠭᠠᠭᠤᠯᠢ ᠠᠴᠠ ᠬᠦᠭᠡᠭᠡᠵᠦ ᠪᠤᠯᠬᠤ ᠦᠭᠡᠢ᠃      ᠳᠦᠷᠪᠡᠳᠦᠭᠡᠷ ᠪᠦᠯᠦᠭ ᠪᠠᠭᠰᠢ      ᠬᠤᠷᠢᠨ ᠨᠠᠢᠮᠠᠳᠤᠭᠠᠷ ᠵᠦᠢᠯ ᠪᠠᠭᠰᠢ ᠬᠠᠤᠯᠢ ᠳᠤ ᠲᠤᠭᠳᠠᠭᠠᠭᠰᠠᠨ ᠡᠷᠭᠡ ᠶᠢ ᠡᠳ᠋ᠯᠡᠬᠦ ᠪᠦᠭᠡᠳ ᠬᠠᠤᠯᠢ ᠳᠤ ᠲᠤᠭᠳᠠᠭᠠᠭᠰᠠᠨ ᠡᠬᠦᠷᠭᠡ ᠪᠠᠨ ᠬᠦᠢᠴᠡᠳᠭᠡᠵᠦ᠂ ᠬᠦᠮᠦᠨ ᠳᠤ ᠬᠡᠪ ᠲᠦᠷᠢᠮ ᠪᠤᠯᠵᠦ᠂ ᠠᠷᠠᠳ ᠤᠨ ᠰᠤᠷᠭᠠᠨ ᠬᠦᠮᠦᠵᠢᠯ ᠤᠨ ᠦᠢᠯᠡᠰ ᠲᠤ ᠦᠨᠡᠨᠴᠢ ᠰᠢᠳᠤᠷᠭᠤ ᠪᠠᠶᠢᠬᠤ ᠬᠡᠷᠡᠭᠲᠠᠢ᠃      ᠨᠡᠶᠢᠭᠡᠮ ᠲᠠᠶᠠᠭᠠᠷ ᠢᠶᠠᠨ ᠪᠠᠭᠰᠢ ᠶᠢ ᠬᠦᠨᠳᠦᠳᠭᠡᠬᠦ ᠬᠡᠷᠡᠭᠲᠠᠢ᠃      ᠬᠤᠷᠢ ᠶᠢᠰᠦᠳᠦᠭᠡᠷ ᠵᠦᠢᠯ ᠪᠠᠭᠰᠢ ᠰᠤᠷᠭᠠᠨ ᠬᠦᠮᠦᠵᠢᠬᠦᠯᠬᠦ ᠪᠠ ᠵᠢᠭᠠᠨ ᠰᠤᠷᠭᠠᠬᠤ ᠲᠤᠮᠳᠠ ᠪᠠᠨ ᠰᠤᠷᠤᠭᠴᠢᠳ ᠲᠤ ᠡᠷᠭᠡ ᠲᠡᠭᠰᠢ ᠪᠠᠷ ᠬᠠᠨᠳᠤᠵᠦ᠂ ᠰᠤᠷᠤᠭᠴᠢ ᠶᠢᠨ ᠪᠤᠳᠠᠭᠠᠯᠢ ᠪᠡᠶ᠎ᠡ ᠶᠢᠨ ᠵᠦᠷᠢᠶ᠎ᠡ ᠶᠢ ᠠᠩᠬᠠᠷᠴᠦ᠂ ᠪᠠᠶᠢᠳᠠᠯ ᠳᠤᠨᠢ ᠲᠤᠬᠢᠷᠠᠭᠤᠯᠤᠨ ᠵᠢᠭᠠᠵᠦ᠂ ᠰᠤᠷᠤᠭᠴᠢ ᠶᠢᠨ ᠪᠦᠷᠢᠨ ᠬᠦᠢᠴᠡᠳ ᠬᠦᠭᠵᠢᠯᠳᠡ ᠶᠢ ᠠᠬᠢᠭᠤᠯᠬᠤ ᠬᠡᠷᠡᠭᠲᠠᠢ᠃      ᠪᠠᠭᠰᠢ ᠨᠢ ᠰᠤᠷᠤᠭᠴᠢᠳ ᠤᠨ ᠬᠦᠮᠦᠨ ᠤ ᠨᠡᠷ᠎ᠡ ᠲᠦᠷᠦ ᠶᠢ ᠬᠦᠨᠳᠦᠳᠭᠡᠬᠦ ᠬᠡᠷᠡᠭᠲᠠᠢ᠂ ᠰᠤᠷᠤᠭᠴᠢ ᠶᠢ ᠭᠠᠳᠠᠭᠤᠷᠴᠢᠯᠠᠵᠦ ᠪᠤᠯᠬᠤ ᠦᠭᠡᠢ᠂ ᠰᠤᠷᠤᠭᠴᠢ ᠶᠢ ᠲᠠᠮᠤᠯᠠᠬᠤ᠂ ᠬᠡᠯᠪᠡᠷᠢ ᠶᠢ ᠨᠢ ᠦᠭᠡᠷᠡᠳᠦᠬᠦᠯᠦᠨ ᠲᠠᠮᠤᠯᠠᠬᠤ ᠪᠤᠶᠤ ᠬᠦᠮᠦᠨ ᠤ ᠨᠡᠷ᠎ᠡ ᠲᠦᠷᠦ ᠶᠢ ᠭᠤᠳᠤᠭᠠᠭᠰᠠᠨ ᠪᠤᠰᠤᠳ ᠠᠵᠢᠯᠯᠠᠭ᠎ᠠ ᠶᠢ ᠬᠢᠵᠦ ᠪᠤᠯᠬᠤ ᠦᠭᠡᠢ᠂ ᠰᠤᠷᠤᠭᠴᠢᠳ ᠤᠨ ᠬᠠᠤᠯᠢ ᠶᠤᠰᠤᠨ ᠤ ᠡᠷᠭᠡ ᠠᠰᠢᠭ ᠲᠤ ᠬᠠᠯᠳᠠᠵᠦ ᠪᠤᠯᠬᠤ ᠦᠭᠡᠢ᠃      ᠭᠤᠴᠢᠳᠤᠭᠠᠷ ᠵᠦᠢᠯ ᠪᠠᠭᠰᠢ ᠡᠷᠭᠡᠪᠰᠢ ᠤᠯᠤᠰ ᠠᠴᠠ ᠲᠤᠭᠳᠠᠭᠠᠭᠰᠠᠨ ᠪᠠᠭᠰᠢ ᠶᠢᠨ ᠬᠢᠷᠢ ᠭᠡᠮ ᠢ ᠤᠯᠤᠭᠰᠠᠨ ᠪᠠᠶᠢᠬᠤ ᠬᠡᠷᠡᠭᠲᠠᠢ᠃      ᠤᠯᠤᠰ ᠠᠴᠠ ᠨᠢᠭᠡᠳᠦᠯᠲᠠᠢ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠪᠠᠭᠰᠢ ᠶᠢᠨ ᠲᠤᠰᠢᠶᠠᠯ ᠤᠨ ᠲᠦᠷᠢᠮ ᠢ ᠪᠠᠶᠢᠭᠤᠯᠤᠨ᠎ᠠ᠃ ᠪᠠᠭᠰᠢ ᠶᠢᠨ ᠲᠤᠰᠢᠶᠠᠯ ᠢ ᠠᠩᠬ᠎ᠠ ᠵᠡᠷᠭᠡ ᠶᠢᠨ ᠲᠤᠰᠢᠶᠠᠯ᠂ ᠲᠤᠮᠳᠠ ᠵᠡᠷᠭᠡ ᠶᠢᠨ ᠲᠤᠰᠢᠶᠠᠯ ᠪᠤᠯᠤᠨ ᠲᠡᠭᠡᠳᠦ ᠵᠡᠷᠭᠡ ᠶᠢᠨ ᠲᠤᠰᠢᠶᠠᠯ ᠭᠡᠵᠦ ᠬᠤᠪᠢᠶᠠᠨ᠎ᠠ᠃      ᠭᠤᠴᠢᠨ ᠨᠢᠭᠡᠳᠦᠭᠡᠷ ᠵᠦᠢᠯ ᠡᠯ᠎ᠡ ᠱᠠᠳᠣᠨ ᠤ ᠠᠷᠠᠳ ᠤᠨ ᠵᠠᠰᠠᠭ ᠤᠨ ᠤᠷᠳᠤᠨ ᠠᠴᠠ ᠪᠠᠭᠰᠢ ᠶᠢᠨ ᠴᠠᠯᠢᠩ ᠠᠰᠠᠷᠠᠮᠵᠢ ᠪᠤᠯᠤᠨ ᠨᠡᠶᠢᠭᠡᠮ ᠤᠨ ᠲᠠᠭᠠᠳᠬᠠᠯ ᠤᠨ ᠬᠠᠷᠠᠭᠠᠯᠵᠠᠯ ᠢ ᠪᠠᠳᠤᠯᠠᠵᠦ᠂ ᠪᠠᠭᠰᠢ ᠶᠢᠨ ᠠᠵᠢᠯ ᠪᠠ ᠠᠮᠢᠳᠤᠷᠠᠯ ᠤᠨ ᠨᠦᠬᠦᠴᠡᠯ ᠢ ᠨᠢ ᠰᠠᠶᠢᠵᠢᠷᠠᠭᠤᠯᠤᠨ᠎ᠠ︔ ᠬᠦᠳᠡᠭᠡ ᠲᠤᠰᠬᠤᠨ ᠤ ᠪᠠᠭᠰᠢ ᠶᠢᠨ ᠴᠠᠯᠢᠩ ᠵᠠᠷᠤᠳᠠᠯ ᠤᠨ ᠪᠠᠳᠤᠯᠠᠭ᠎ᠠ ᠶᠢᠨ ᠲᠤᠭᠳᠠᠴᠠ ᠶᠢ ᠲᠡᠬᠦᠯᠳᠡᠷᠵᠢᠬᠦᠯᠦᠨ᠎ᠡ᠃      ᠪᠠᠭᠰᠢ ᠶᠢᠨ ᠲᠤᠮᠳᠠᠴᠢ ᠴᠠᠯᠢᠩ ᠤᠨ ᠬᠡᠮᠵᠢᠶ᠎ᠡ ᠶᠢ ᠲᠤᠬᠠᠢ ᠶᠢᠨ ᠭᠠᠵᠠᠷ ᠤᠨ ᠠᠯᠪᠠᠳᠠᠨ ᠤ ᠲᠤᠮᠳᠠᠴᠢ ᠴᠠᠯᠢᠩ ᠤᠨ ᠬᠡᠮᠵᠢᠶ᠎ᠡ ᠠᠴᠠ ᠲᠤᠤᠷ᠎ᠡ ᠪᠤᠰᠤ ᠪᠠᠶᠢᠯᠭᠠᠬᠤ ᠬᠡᠷᠡᠭᠲᠠᠢ᠃      ᠤᠨᠴᠠᠭᠠᠢ ᠰᠤᠷᠭᠠᠨ ᠬᠦᠮᠦᠵᠢᠯ ᠤᠨ ᠪᠠᠭᠰᠢ ᠳᠤ ᠤᠨᠴᠠᠭᠠᠢ ᠠᠵᠢᠯ ᠤᠨ ᠪᠠᠶᠢᠷᠢ ᠶᠢᠨ ᠲᠤᠰᠠᠯᠠᠮᠵᠢ ᠶᠢᠨ ᠨᠦᠬᠦᠪᠤᠷᠢ ᠵᠤᠭᠤᠰ ᠤᠯᠭᠤᠨ᠎ᠠ᠃ ᠦᠨᠳᠦᠰᠦᠳᠡᠨ ᠤ ᠭᠠᠵᠠᠷ ᠤᠷᠤᠨ ᠪᠤᠶᠤ ᠵᠠᠬ᠎ᠠ ᠬᠢᠵᠠᠭᠠᠷ ᠤᠨ ᠶᠠᠳᠠᠭᠤ ᠬᠦᠴᠢᠷᠳᠡᠯᠲᠠᠢ ᠭᠠᠵᠠᠷ ᠤᠷᠤᠨ ᠳᠤ ᠠᠵᠢᠯᠯᠠᠵᠦ ᠪᠠᠶᠢᠭ᠎ᠠ ᠪᠠᠭᠰᠢ ᠳᠤ ᠬᠠᠳᠠᠭᠤ ᠪᠡᠷᠭᠡ ᠶᠠᠳᠠᠭᠤ ᠬᠦᠴᠢᠷᠳᠡᠯᠲᠠᠢ ᠭᠠᠵᠠᠷ ᠤᠷᠤᠨ ᠤ ᠲᠤᠰᠠᠯᠠᠮᠵᠢ ᠶᠢᠨ ᠨᠦᠬᠦᠪᠤᠷᠢ ᠵᠤᠭᠤᠰ ᠤᠯᠭᠤᠨ᠎ᠠ᠃      ᠭᠤᠴᠢᠨ ᠬᠤᠶᠠᠳᠤᠭᠠᠷ ᠵᠦᠢᠯ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠠᠴᠠ ᠪᠠᠭᠰᠢ ᠨᠠᠷ ᠢ ᠬᠦᠮᠦᠵᠢᠬᠦᠯᠬᠦ ᠶᠢ ᠴᠢᠩᠭᠠᠳᠬᠠᠵᠦ ᠂ ᠠᠷᠭ᠎ᠠ ᠬᠡᠮᠵᠢᠶ᠎ᠡ ᠠᠪᠴᠦ ᠪᠠᠶᠢᠭᠠᠳ ᠪᠠᠭᠰᠢ ᠶᠢᠨ ᠰᠤᠷᠭᠠᠨ ᠬᠦᠮᠦᠵᠢᠯ ᠢ ᠬᠦᠭᠵᠢᠬᠦᠯᠬᠦ ᠬᠡᠷᠡᠭᠲᠠᠢ᠃      ᠰᠢᠶᠠᠨ ᠤ ᠱᠠᠳᠣᠨ ᠤ ᠠᠷᠠᠳ ᠤᠨ ᠵᠠᠰᠠᠭ ᠤᠨ ᠤᠷᠳᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠲᠤᠰ ᠵᠠᠰᠠᠭ ᠵᠠᠬᠢᠷᠭᠠᠨ ᠤ ᠤᠷᠤᠨ ᠳᠠᠬᠢ ᠰᠤᠷᠭᠠᠭᠤᠯᠢ ᠶᠢᠨ ᠪᠠᠭᠰᠢ ᠶᠢᠨ ᠬᠦᠴᠦᠨ ᠢ ᠲᠡᠩᠴᠡᠬᠦᠷᠢᠲᠠᠢ ᠲᠤᠬᠢᠷᠠᠭᠤᠯᠵᠦ᠂ ᠰᠣᠷᠭᠠᠭᠤᠯᠢ ᠶᠢᠨ ᠲᠠᠷᠤᠭ᠎ᠠ᠂ ᠪᠠᠭᠰᠢ ᠨᠠᠷ ᠤᠨ ᠪᠤᠯᠪᠠᠰᠣᠷᠠᠭᠤᠯᠤᠯ ᠪᠠ ᠰᠢᠯᠵᠢᠯᠳᠠ ᠶᠢ ᠵᠤᠬᠢᠶᠠᠨ ᠪᠠᠶᠢᠭᠤᠯᠵᠦ᠂ ᠪᠠᠭᠤᠷᠠᠢ ᠰᠤᠷᠭᠠᠭᠤᠯᠢ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠬᠤ ᠬᠡᠷᠡᠭᠲᠠᠢ᠃      ᠭᠤᠴᠢᠨ ᠭᠤᠷᠪᠠᠳᠤᠭᠠᠷ ᠵᠦᠢᠯ ᠬᠤᠳᠠ ᠶᠢᠨ ᠰᠣᠷᠭᠠᠭᠤᠯᠢ ᠶᠢᠨ ᠪᠠᠭᠰᠢ ᠨᠠᠷ ᠪᠠ ᠲᠡᠭᠡᠳᠦ ᠰᠤᠷᠭᠠᠭᠤᠯᠢ ᠲᠡᠬᠦᠰᠦᠭᠰᠡᠨ ᠰᠤᠷᠤᠭᠴᠢᠳ ᠤᠨ ᠬᠦᠳᠡᠭᠡ ᠲᠤᠰᠬᠤᠨ ᠤ ᠭᠠᠵᠠᠷ ᠤᠷᠤᠨ᠂ ᠦᠨᠳᠦᠰᠦᠳᠡᠨ ᠤ ᠭᠠᠵᠠᠷ ᠤᠷᠤᠨ ᠳᠤ ᠤᠴᠢᠵᠦ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠠᠵᠢᠯ ᠬᠢᠬᠦ ᠶᠢ ᠲᠦᠷᠦ ᠶᠢᠨ ᠶᠠᠪᠤᠳᠠᠯ ᠤᠨ ᠬᠤᠷᠢᠶ᠎ᠠ ᠪᠤᠯᠤᠨ ᠤᠷᠤᠨ ᠨᠤᠳᠤᠭ ᠤᠨ ᠡᠯ᠎ᠡ ᠱᠠᠳᠣᠨ ᠤ ᠠᠷᠠᠳ ᠤᠨ ᠵᠠᠰᠠᠭ ᠤᠨ ᠤᠷᠳᠤᠨ ᠠᠴᠠ ᠵᠤᠷᠢᠭᠵᠢᠭᠤᠯᠤᠨ ᠲᠡᠮᠵᠢᠨ᠎ᠡ᠃      ᠲᠡᠭᠡᠳᠦ ᠰᠣᠷᠭᠠᠭᠤᠯᠢ ᠲᠡᠬᠦᠰᠦᠭᠰᠡᠨ ᠰᠤᠷᠤᠭᠴᠢᠳ ᠤᠨ ᠰᠠᠶᠢᠨ ᠲᠤᠷ᠎ᠡ ᠠᠴᠠ ᠪᠠᠨ ᠤᠷᠤᠯᠴᠠᠭᠴᠢ ᠶᠢᠨ ᠬᠡᠯᠪᠡᠷᠢ ᠪᠠᠷ ᠬᠦᠳᠡᠭᠡ ᠲᠤᠰᠬᠤᠨ ᠤ ᠭᠠᠵᠠᠷ ᠤᠷᠤᠨ᠂ ᠦᠨᠳᠦᠰᠦᠳᠡᠨ ᠤ ᠭᠠᠵᠠᠷ ᠤᠷᠤᠨ ᠤ ᠪᠠᠭᠰᠢ ᠲᠤᠳᠠᠭᠳᠠᠵᠦ ᠪᠠᠶᠢᠭ᠎ᠠ ᠰᠤᠷᠭᠠᠭᠤᠯᠢ ᠳᠤ ᠤᠴᠢᠵᠦ ᠪᠠᠭᠰᠢᠯᠠᠬᠤ ᠶᠢ ᠤᠯᠤᠰ ᠠᠴᠠ ᠵᠤᠷᠢᠭᠵᠢᠭᠤᠯᠤᠨ᠎ᠠ᠃ ᠰᠢᠶᠠᠨ ᠤ ᠱᠠᠳᠣᠨ ᠤ ᠠᠷᠠᠳ ᠤᠨ ᠵᠠᠰᠠᠭ ᠤᠨ ᠤᠷᠳᠤᠨ ᠤ ᠰᠣᠷᠭᠠᠨ ᠬᠦᠮᠦᠵᠢᠯ  ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠲᠡᠳᠡ ᠨᠠᠷ ᠤᠨ ᠪᠠᠭᠰᠢ ᠶᠢᠨ ᠬᠢᠷᠢ ᠭᠡᠮ ᠢ ᠬᠠᠤᠯᠢ ᠶᠤᠰᠤᠭᠠᠷ ᠮᠠᠭᠠᠳᠯᠠᠨ ᠲᠤᠭᠳᠠᠭᠠᠵᠦ᠂ ᠪᠠᠭᠰᠢᠯᠠᠭᠰᠠᠨ ᠴᠠᠭ ᠬᠤᠭᠤᠴᠠᠭ᠎ᠠ ᠶᠢ ᠨᠢ ᠠᠵᠢᠯᠯᠠᠭᠰᠠᠨ ᠵᠢᠯ ᠳᠤ ᠪᠤᠳᠤᠵᠦ ᠤᠷᠤᠭᠤᠯᠤᠨ᠎ᠠ᠃      ᠲᠠᠪᠤᠳᠤᠭᠠᠷ ᠪᠦᠯᠦᠭ ᠰᠣᠷᠭᠠᠨ ᠬᠦᠮᠦᠵᠢᠬᠦᠯᠬᠦ ᠪᠠ ᠵᠢᠭᠠᠨ ᠰᠣᠷᠭᠠᠬᠤ      ᠭᠤᠴᠢᠨ ᠳᠦᠷᠪᠡᠳᠦᠭᠡᠷ ᠵᠦᠢᠯ ᠰᠣᠷᠭᠠᠨ ᠬᠦᠮᠦᠵᠢᠬᠦᠯᠬᠦ ᠪᠠ ᠵᠢᠭᠠᠨ ᠰᠤᠷᠭᠠᠬᠤ ᠠᠵᠢᠯ ᠢ ᠰᠤᠷᠭᠠᠨ ᠬᠦᠮᠦᠵᠢᠯ ᠤᠨ ᠵᠢᠮ᠎ᠡ ᠶᠤᠰᠤ ᠪᠤᠯᠤᠨ ᠰᠤᠷᠤᠭᠴᠢᠳ ᠤᠨ ᠪᠡᠶ᠎ᠡ ᠰᠡᠳᠬᠢᠯ ᠤᠨ ᠪᠤᠶᠢᠵᠢᠯᠳᠠ ᠬᠦᠭᠵᠢᠯᠳᠡ ᠶᠢᠨ ᠤᠨᠴᠠᠯᠢᠭ ᠲᠠᠢ ᠨᠡᠶᠢᠴᠡᠬᠦᠯᠵᠦ᠂ ᠪᠦᠬᠦ ᠰᠤᠷᠤᠭᠴᠢᠳ ᠲᠤ ᠴᠢᠭᠯᠡᠬᠦᠯᠵᠦ᠂ ᠪᠢᠴᠢᠭ ᠵᠢᠭᠠᠵᠦ ᠬᠦᠮᠦᠨ ᠢ ᠬᠦᠮᠦᠵᠢᠬᠦᠯᠵᠦ᠂ ᠶᠤᠰᠤ ᠮᠤᠷᠠᠯ ᠤᠨ ᠬᠦᠮᠦᠵᠢᠯ᠂ ᠤᠶᠤᠨ ᠤᠬᠠᠭᠠᠨ  ᠤ ᠬᠦᠮᠦᠵᠢᠯ᠂ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠦᠮᠦᠵᠢᠯ ᠵᠡᠷᠭᠡ ᠶᠢ ᠰᠤᠷᠭᠠᠨ ᠬᠦᠮᠦᠵᠢᠬᠦᠯᠬᠦ ᠪᠠ ᠵᠢᠭᠠᠨ ᠰᠤᠷᠭᠠᠬᠤ ᠠᠵᠢᠯᠯᠠᠭ᠎ᠠ ᠶᠢᠨ ᠲᠤᠮᠳᠠ ᠤᠷᠭᠠᠨᠢᠭ ᠢᠶᠠᠷ ᠨᠢᠭᠡᠳᠭᠡᠵᠦ᠂ ᠰᠤᠷᠤᠭᠴᠢᠳ ᠤᠨ ᠪᠡᠶ᠎ᠡ ᠪᠠᠨ ᠲᠠᠭᠠᠭᠠᠵᠦ ᠰᠢᠳᠬᠢᠬᠦ ᠴᠢᠳᠠᠪᠤᠷᠢ᠂

        365赢多少钱会被限额_国内有真正的365平台吗_365bet博彩官网

        ᠰᠢᠨ᠎ᠡ ᠶᠢ ᠡᠬᠦᠳᠬᠦ ᠴᠢᠳᠠᠪᠤᠷᠢ ᠪᠠ ᠦᠢᠯᠡᠳᠦᠯᠭᠡ ᠬᠢᠬᠦ ᠴᠢᠳᠠᠪᠤᠷᠢ ᠶᠢ ᠴᠢᠬᠤᠯᠠᠴᠢᠯᠠᠨ ᠬᠦᠮᠦᠵᠢᠬᠦᠯᠵᠦ᠂ ᠰᠤᠷᠤᠭᠴᠢᠳ ᠤᠨ ᠪᠦᠬᠦ ᠲᠠᠯ᠎ᠠ ᠶᠢᠨ ᠬᠦᠭᠵᠢᠯᠳᠡ ᠶᠢ ᠠᠬᠢᠭᠤᠯᠬᠤ ᠬᠡᠷᠡᠭᠲᠠᠢ᠃      ᠭᠤᠴᠢᠨ ᠲᠠᠪᠤᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠰᠣᠷᠭᠠᠭᠤᠯᠢ ᠳᠤ ᠤᠷᠤᠬᠤ ᠨᠠᠰᠤᠨ ᠤ ᠭᠡᠣᠭᠡᠳ᠂ ᠪᠠᠭᠠᠴᠤᠳ ᠤᠨ ᠪᠡᠶ᠎ᠡ ᠰᠡᠳᠬᠢᠯ ᠤᠨ ᠪᠤᠶᠢᠵᠢᠯᠳᠠ ᠬᠦᠭᠵᠢᠯᠳᠡ ᠶᠢᠨ ᠪᠠᠶᠢᠳᠠᠯ ᠪᠠ ᠪᠤᠳᠠᠲᠠᠢ ᠪᠠᠶᠢᠳᠠᠯ ᠢ ᠦᠨᠳᠦᠰᠦᠯᠡᠵᠦ᠂ ᠵᠢᠭᠠᠨ ᠰᠣᠷᠭᠠᠬᠤ ᠲᠦᠷᠢᠮ᠂ ᠰᠤᠷᠭᠠᠨ ᠬᠦᠮᠦᠵᠢᠬᠦᠯᠬᠦ ᠪᠠ ᠵᠢᠭᠠᠨ ᠰᠤᠷᠭᠠᠬᠤ ᠠᠭᠤᠯᠭ᠎ᠠ ᠪᠤᠯᠤᠨ ᠬᠢᠴᠢᠶᠡᠯ ᠤᠨ ᠪᠠᠶᠢᠷᠢᠯᠠᠭᠤᠯᠤᠯᠳᠠ ᠶᠢ ᠲᠤᠭᠳᠠᠭᠠᠵᠦ᠂ ᠰᠢᠯᠭᠠᠯᠳᠠ ᠶᠢᠨ ᠲᠦᠷᠢᠮ ᠢ ᠦᠭᠡᠷᠡᠴᠢᠯᠡᠬᠦ ᠶᠢᠨ ᠬᠠᠮᠳᠦ ᠦᠨᠳᠦᠷ ᠵᠡᠷᠭᠡ ᠶᠢᠨ ᠲᠤᠮᠳᠠᠳᠦ ᠰᠤᠷᠭᠠᠭᠤᠯᠢ ᠶᠢᠨ ᠰᠤᠷᠤᠭᠴᠢ ᠡᠯᠰᠡᠬᠦ ᠠᠷᠭ᠎ᠠ ᠶᠢ ᠰᠠᠶᠢᠵᠢᠷᠠᠭᠤᠯᠵᠦ᠂ ᠭᠡᠪ ᠴᠢᠨᠠᠷ ᠤᠨ ᠰᠤᠷᠭᠠᠨ ᠬᠦᠮᠦᠵᠢᠯ ᠢ ᠬᠡᠷᠡᠭᠵᠢᠬᠦᠯᠬᠦ ᠶᠢ ᠲᠦᠯᠬᠢᠨ ᠠᠬᠢᠭᠤᠯᠤᠨ᠎ᠠ᠃      ᠰᠣᠷᠭᠠᠭᠤᠯᠢ ᠪᠤᠯᠤᠨ ᠪᠠᠭᠰᠢ ᠨᠠᠷ ᠲᠤᠭᠳᠠᠭᠠᠭᠰᠠᠨ ᠰᠣᠷᠭᠠᠨ ᠬᠦᠮᠦᠵᠢᠬᠦᠯᠬᠦ ᠪᠠ ᠵᠢᠭᠠᠨ ᠰᠤᠷᠭᠠᠬᠤ ᠠᠭᠤᠯᠭ᠎ᠠ ᠪᠤᠯᠤᠨ ᠬᠢᠴᠢᠶᠡᠯ ᠤᠨ ᠪᠠᠶᠢᠷᠢᠯᠠᠭᠤᠯᠤᠯᠳᠠ ᠶᠤᠰᠤᠭᠠᠷ ᠰᠤᠷᠭᠠᠨ ᠬᠦᠮᠦᠵᠢᠬᠦᠯᠬᠦ ᠪᠠ ᠵᠢᠭᠠᠨ ᠰᠤᠷᠭᠠᠬᠤ ᠠᠵᠢᠯ ᠢᠶᠠᠨ ᠦᠷᠨᠢᠬᠦᠯᠵᠦ᠂ ᠤᠯᠤᠰ ᠤᠨ ᠲᠤᠭᠳᠠᠭᠠᠭᠰᠠᠨ ᠦᠨᠳᠦᠰᠦᠨ ᠶᠠᠰᠤ ᠴᠢᠨᠠᠷ ᠤᠨ ᠱᠠᠭᠠᠷᠳᠠᠯᠭ᠎ᠠ ᠳᠤ ᠬᠦᠷᠭᠡᠬᠦ ᠶᠢ ᠪᠠᠳᠤᠯᠠᠨ᠎ᠠ᠃      ᠰᠣᠷᠭᠠᠭᠤᠯᠢ ᠪᠤᠯᠤᠨ ᠪᠠᠭᠰᠢ ᠨᠠᠷ ᠤᠨ ᠰᠡᠩᠭᠡᠷᠡᠬᠦᠯᠬᠦ ᠮᠠᠶ᠋ᠢᠭ ᠤᠨ ᠰᠤᠷᠭᠠᠨ ᠬᠦᠮᠦᠵᠢᠯ ᠵᠡᠷᠭᠡ ᠰᠤᠷᠭᠠᠨ ᠬᠦᠮᠦᠵᠢᠬᠦᠯᠬᠦ ᠪᠠ ᠵᠢᠭᠠᠨ ᠰᠤᠷᠭᠠᠬᠤ ᠠᠷᠭ᠎ᠠ ᠪᠠᠷ ᠰᠤᠷᠭᠠᠨ ᠬᠦᠮᠦᠵᠢᠬᠦᠯᠬᠦ ᠪᠠ ᠵᠢᠭᠠᠨ ᠰᠤᠷᠭᠠᠬᠤ ᠶᠠᠰᠤ ᠴᠢᠨᠠᠷ ᠢᠶᠠᠨ ᠲᠡᠭᠡᠭᠰᠢᠯᠡᠬᠦᠯᠬᠦ ᠶᠢ ᠤᠯᠤᠰ ᠠᠴᠠ ᠵᠤᠷᠢᠭᠵᠢᠭᠤᠯᠤᠨ᠎ᠠ᠃      ᠭᠤᠴᠢᠨ ᠵᠢᠷᠭᠤᠳᠤᠭᠠᠷ ᠵᠦᠢᠯ ᠰᠤᠷᠭᠠᠭᠤᠯᠢ ᠠᠴᠠ ᠶᠤᠰᠤ ᠮᠤᠷᠠᠯ ᠤᠨ ᠬᠦᠮᠦᠵᠢᠯ ᠢ ᠲᠡᠷᠢᠬᠦᠨ ᠪᠠᠶᠢᠷᠢᠨ ᠳᠤ ᠲᠠᠯᠪᠢᠵᠦ᠂ ᠶᠤᠰᠤ ᠮᠤᠷᠠᠯ ᠤᠨ ᠬᠦᠮᠦᠵᠢᠯ ᠢ ᠰᠤᠷᠭᠠᠨ ᠬᠦᠮᠦᠵᠢᠬᠦᠯᠬᠦ ᠪᠠ ᠵᠢᠭᠠᠨ ᠰᠤᠷᠭᠠᠬᠤ ᠠᠵᠢᠯ ᠳᠤ ᠠᠭᠤᠯᠵᠦ᠂ ᠰᠤᠷᠤᠭᠴᠢᠳ ᠤᠨ ᠨᠠᠰᠤ ᠵᠢᠯ ᠲᠠᠢ ᠲᠤᠬᠢᠷᠠᠭᠰᠠᠨ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠶᠢ ᠦᠷᠨᠢᠬᠦᠯᠵᠦ᠂ ᠰᠤᠷᠭᠠᠭᠤᠯᠢ᠂ ᠭᠡᠷ ᠪᠦᠯᠢ᠂ ᠨᠡᠶᠢᠭᠡᠮ ᠢᠶᠠᠷ ᠢᠶᠠᠨ ᠬᠠᠷᠢᠯᠴᠠᠨ ᠬᠠᠮᠵᠢᠯᠴᠠᠭᠰᠠᠨ ᠦᠵᠡᠯ ᠰᠠᠨᠠᠭ᠎ᠠ ᠶᠤᠰᠤ ᠮᠤᠷᠠᠯ ᠤᠨ ᠰᠣᠷᠭᠠᠨ ᠬᠦᠮᠦᠵᠢᠯ ᠤᠨ ᠰᠢᠰᠲ᠋ᠧᠮ ᠢ ᠪᠦᠷᠢᠯᠳᠦᠬᠦᠯᠵᠦ᠂ ᠰᠤᠷᠤᠭᠴᠢᠳ ᠤᠨ ᠰᠠᠶᠢᠨ ᠰᠠᠶᠢᠬᠠᠨ ᠦᠵᠡᠯ ᠰᠠᠨᠠᠭ᠎ᠠ ᠶᠤᠰᠤ ᠮᠤᠷᠠᠯ ᠪᠠ ᠦᠢᠯᠡ ᠠᠵᠢᠯᠯᠠᠭ᠎ᠠ ᠶᠢᠨ ᠵᠠᠩ ᠲᠠᠳᠬᠠᠯ ᠲᠠᠢ ᠪᠤᠯᠬᠤ ᠶᠢ ᠠᠬᠢᠭᠤᠯᠬᠤ ᠬᠡᠷᠡᠭᠲᠠᠢ᠃      ᠭᠤᠴᠢᠨ ᠲᠤᠯᠤᠳᠤᠭᠠᠷ ᠵᠦᠢᠯ ᠰᠣᠷᠭᠠᠭᠤᠯᠢ ᠠᠴᠠ ᠰᠤᠷᠤᠭᠴᠢᠳ ᠤᠨ ᠬᠢᠴᠢᠶᠠᠯ ᠤᠨ ᠭᠠᠳᠠᠭᠤᠷᠬᠢ ᠬᠦᠳᠡᠯᠭᠡᠭᠡᠨ ᠤ ᠴᠠᠭ ᠢ ᠪᠠᠳᠤᠯᠠᠵᠦ᠂ ᠰᠤᠶᠤᠯ ᠴᠠᠩᠭᠡᠯ ᠵᠡᠷᠭᠡ ᠬᠢᠴᠢᠶᠠᠯ ᠤᠨ ᠭᠠᠳᠠᠭᠤᠷᠬᠢ ᠬᠦᠳᠡᠯᠭᠡᠭᠡᠨ ᠢ ᠵᠤᠬᠢᠶᠠᠨ ᠪᠠᠶᠢᠭᠤᠯᠤᠨ ᠦᠷᠨᠢᠬᠦᠯᠬᠦ ᠬᠡᠷᠡᠭᠲᠠᠢ᠃ ᠨᠡᠶᠢᠭᠡᠮ ᠤᠨ ᠤᠯᠠᠨ ᠨᠡᠶᠢᠳᠡ ᠶᠢᠨ ᠰᠤᠶᠤᠯ ᠪᠡᠶ᠎ᠡ ᠶᠢᠨ ᠲᠠᠮᠢᠷ ᠤᠨ ᠲᠦᠬᠦᠭᠡᠷᠦᠮᠵᠢ ᠨᠢ ᠰᠤᠷᠭᠠᠭᠤᠯᠢ ᠶᠢᠨ ᠬᠢᠴᠢᠶᠠᠯ ᠤᠨ ᠭᠠᠳᠠᠭᠤᠷᠬᠢ ᠬᠦᠳᠡᠯᠭᠡᠭᠡᠨ ᠢ ᠦᠷᠨᠢᠬᠦᠯᠬᠦ ᠳᠤ ᠲᠦᠬᠦᠮ ᠦᠵᠡᠬᠦᠯᠬᠦ ᠬᠡᠷᠡᠭᠲᠠᠢ᠃      ᠭᠤᠴᠢᠨ ᠨᠠᠢᠮᠠᠳᠤᠭᠠᠷ ᠵᠦᠢᠯ ᠰᠣᠷᠬᠤ ᠪᠢᠴᠢᠭ ᠢ ᠤᠯᠤᠰ ᠤᠨ ᠰᠤᠷᠭᠠᠨ ᠬᠦᠮᠦᠵᠢᠯ ᠤᠨ ᠴᠢᠭᠯᠡᠯᠳᠡ ᠪᠠ ᠬᠢᠴᠢᠶᠡᠯ ᠤᠨ ᠪᠠᠷᠢᠮᠵᠢᠶ᠎ᠡ ᠶᠢ ᠦᠨᠳᠦᠰᠦᠯᠡᠵᠦ ᠨᠠᠶᠢᠷᠠᠭᠤᠯᠤᠨ ᠪᠢᠴᠢᠵᠦ᠂ ᠠᠭᠤᠯᠭ᠎ᠠ ᠶᠢ ᠨᠢ ᠠᠯᠢ ᠪᠤᠯᠬᠤ ᠪᠠᠷ ᠨᠠᠷᠢᠯᠢᠭ ᠠᠪᠰᠠᠷᠬᠠᠨ ᠪᠠᠶᠢᠯᠭᠠᠵᠦ᠂ ᠵᠠᠪᠠᠯ ᠱᠠᠭᠠᠷᠳᠠᠭᠳᠠᠬᠤ ᠰᠠᠭᠤᠷᠢ ᠮᠡᠳᠡᠯᠭᠡ᠂ ᠦᠨᠳᠦᠰᠦᠨ ᠤᠷ᠎ᠡ ᠴᠢᠳᠠᠪᠤᠷᠢ ᠶᠢ ᠰᠢᠯᠢᠨ ᠰᠤᠩᠭᠤᠵᠦ᠂ ᠬᠢᠮᠳᠠᠬᠠᠨ ᠪᠦᠭᠡᠳ ᠪᠤᠳᠠᠳᠦ ᠬᠡᠷᠡᠭᠴᠡᠭᠡ ᠲᠠᠢ ᠪᠠᠶᠢᠯᠭᠠᠵᠦ᠂ ᠶᠠᠰᠤ ᠴᠢᠨᠠᠷ ᠢ ᠪᠠᠳᠤᠯᠠᠨ᠎ᠠ᠃      ᠲᠦᠷᠦ ᠶᠢᠨ ᠪᠠᠶᠢᠭᠤᠯᠭ᠎ᠠ ᠶᠢᠨ ᠠᠵᠢᠯᠳᠠᠨ ᠪᠤᠯᠤᠨ ᠬᠢᠴᠢᠶᠠᠯ ᠤᠨ ᠪᠢᠴᠢᠭ ᠢ ᠬᠢᠨᠠᠨ ᠪᠠᠶᠢᠴᠠᠭᠠᠬᠤ ᠬᠦᠮᠦᠰ ᠬᠢᠴᠢᠶᠠᠯ ᠤᠨ ᠪᠢᠴᠢᠭ ᠢ ᠨᠠᠶᠢᠷᠠᠭᠤᠯᠤᠨ ᠪᠢᠴᠢᠬᠦ ᠠᠵᠢᠯ ᠳᠤ ᠤᠷᠤᠯᠴᠠᠬᠤ ᠪᠤᠶᠤ ᠬᠡᠯᠪᠡᠷᠢ ᠶᠢ ᠨᠢ ᠦᠭᠡᠷᠡᠳᠦᠬᠦᠯᠦᠨ ᠤᠷᠤᠯᠴᠠᠵᠦ ᠪᠤᠯᠬᠤ ᠦᠭᠡᠢ᠃      ᠭᠤᠴᠢ ᠶᠢᠰᠦᠳᠦᠭᠡᠷ ᠵᠦᠢᠯ ᠤᠯᠤᠰ ᠠᠴᠠ ᠬᠢᠴᠢᠶᠠᠯ ᠤᠨ ᠪᠢᠴᠢᠭ ᠢ ᠬᠢᠨᠠᠨ ᠲᠤᠭᠳᠠᠭᠠᠬᠤ ᠲᠦᠷᠢᠮ ᠢ ᠬᠡᠷᠡᠭᠵᠢᠬᠦᠯᠦᠨ᠎ᠡ᠃ ᠬᠢᠴᠢᠶᠠᠯ ᠤᠨ ᠪᠢᠴᠢᠭ ᠢ ᠬᠢᠨᠠᠨ ᠲᠤᠭᠳᠠᠭᠠᠬᠤ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠲᠤᠭᠳᠠᠭᠠᠨ᠎ᠠ᠃      ᠬᠢᠨᠠᠨ ᠲᠤᠭᠳᠠᠭᠠᠭᠰᠠᠨ ᠦᠭᠡᠢ ᠬᠢᠴᠢᠶᠠᠯ ᠤᠨ ᠪᠢᠴᠢᠭ ᠢ ᠬᠡᠪᠯᠡᠬᠦ ᠪᠤᠶᠤ ᠰᠤᠩᠭᠤᠨ ᠬᠡᠷᠡᠭᠯᠡᠵᠦ ᠪᠤᠯᠬᠤ    ᠦᠭᠡᠢ᠃      ᠳᠦᠴᠢᠳᠦᠭᠡᠷ ᠵᠦᠢᠯ ᠬᠢᠴᠢᠶᠠᠯ ᠤᠨ ᠪᠢᠴᠢᠭ ᠲᠤ ᠲᠦᠷᠦ ᠶᠢᠨ ᠶᠠᠪᠤᠳᠠᠯ ᠤᠨ ᠬᠤᠷᠢᠶᠠᠨ ᠤ ᠦᠨ᠎ᠡ ᠬᠠᠩᠰᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠬᠡᠪᠯᠡᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠠᠢ ᠬᠠᠮᠳᠤᠷᠠᠨ ᠵᠢᠭᠠᠬᠠᠨ ᠠᠰᠢᠭ ᠬᠤᠨᠵᠢᠪᠤᠷᠢ ᠲᠠᠢ ᠪᠠᠶᠢᠯᠭᠠᠬᠤ ᠵᠠᠷᠴᠢᠮ ᠢᠶᠠᠷ ᠰᠠᠭᠤᠷᠢ ᠪᠠᠷᠢᠮᠵᠢᠶᠠᠳᠦ ᠦᠨ᠎ᠡ ᠲᠤᠭᠳᠠᠭᠠᠨ᠎ᠠ᠃ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠦᠨ᠎ᠡ ᠬᠠᠩᠰᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠬᠡᠪᠯᠡᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠠᠢ ᠬᠠᠮᠳᠤᠷᠠᠨ ᠰᠠᠭᠤᠷᠢ ᠪᠠᠷᠢᠮᠵᠢᠶᠠᠳᠦ ᠦᠨ᠎ᠡ ᠶᠢ ᠦᠨᠳᠦᠰᠦᠯᠡᠵᠦ ᠵᠢᠵᠢᠭᠯᠡᠨ ᠬᠤᠳᠠᠯᠳᠤᠬᠤ ᠦᠨ᠎ᠡ ᠶᠢ ᠲᠤᠭᠳᠠᠭᠠᠨ᠎ᠠ᠃      ᠲᠦᠴᠢᠨ ᠨᠢᠭᠡᠳᠦᠭᠡᠷ ᠵᠦᠢᠯ ᠬᠢᠴᠢᠶᠠᠯ ᠤᠨ ᠪᠢᠴᠢᠭ ᠢ ᠡᠬᠡᠯᠵᠢᠯᠡᠨ ᠬᠡᠷᠡᠭᠯᠡᠬᠦ ᠶᠢ ᠤᠯᠤᠰ ᠠᠴᠠ ᠵᠤᠷᠢᠭᠵᠢᠭᠤᠯᠤᠨ᠎ᠠ᠃      ᠵᠢᠷᠭᠤᠳᠤᠭᠠᠷ ᠪᠦᠯᠦᠭ ᠵᠠᠷᠤᠳᠠᠯ ᠤᠨ ᠪᠠᠳᠤᠯᠠᠭ᠎ᠠ      ᠲᠦᠴᠢᠨ ᠬᠤᠶᠠᠳᠤᠭᠠᠷ ᠵᠦᠢᠯ ᠤᠯᠤᠰ ᠠᠴᠠ ᠠᠯᠪᠠᠨ ᠵᠢᠷᠦᠮ ᠤᠨ ᠰᠤᠷᠭᠠᠨ ᠬᠦᠮᠦᠵᠢᠯ ᠢ ᠡᠳ᠋ ᠤᠨ ᠵᠠᠰᠠᠭ ᠤᠨ ᠪᠠᠳᠤᠯᠠᠬᠤ ᠬᠡᠪᠴᠢᠶᠠᠨ ᠳᠤ ᠪᠦᠬᠦ ᠲᠠᠯ᠎ᠠ ᠪᠠᠷ ᠤᠷᠤᠭᠤᠯᠤᠨ᠎ᠠ᠂ ᠠᠯᠪᠠᠨ ᠵᠢᠷᠦᠮ ᠤᠨ ᠰᠣᠷᠭᠠᠨ ᠬᠦᠮᠦᠵᠢᠯ ᠤᠨ ᠵᠠᠷᠤᠳᠠᠯ ᠢ ᠲᠦᠷᠦ ᠶᠢᠨ ᠶᠠᠪᠤᠳᠠᠯ  ᠤᠨ ᠬᠤᠷᠢᠶ᠎ᠡ ᠪᠤᠯᠤᠨ ᠤᠷᠤᠨ ᠨᠤᠳᠤᠭ ᠤᠨ ᠡᠯ᠎ᠡ ᠱᠠᠳᠣᠨ ᠤ ᠠᠷᠠᠳ ᠤᠨ ᠵᠠᠰᠠᠭ ᠤᠨ ᠤᠷᠳᠤᠨ ᠠᠴᠠ ᠲᠤᠰ ᠬᠠᠤᠯᠢ ᠶᠢᠨ ᠲᠤᠭᠳᠠᠭᠠᠯ ᠶᠤᠰᠤᠭᠠᠷ ᠪᠠᠳᠤᠯᠠᠨ᠎ᠠ᠃      ᠲᠦᠷᠦ ᠶᠢᠨ ᠶᠠᠪᠤᠳᠠᠯ ᠤᠨ ᠬᠤᠷᠢᠶ᠎ᠠ ᠪᠤᠯᠤᠨ ᠤᠷᠤᠨ ᠨᠤᠳᠤᠭ ᠤᠨ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠵᠠᠷᠤᠳᠠᠯ ᠢ ᠡᠳ᠋ ᠤᠨ ᠵᠠᠰᠠᠭ ᠤᠨ ᠲᠦᠰᠦᠪ ᠲᠡᠭᠡᠨ ᠤᠷᠤᠭᠤᠯᠵᠦ᠂ ᠪᠠᠭᠰᠢ ᠠᠵᠢᠯᠳᠠᠳ ᠤᠨ ᠤᠷᠤᠨ ᠲᠤᠭᠠᠨ ᠤ ᠪᠡᠷᠢᠮᠵᠢᠶ᠎ᠡ᠂ ᠴᠠᠯᠢᠩ ᠤᠨ ᠪᠠᠷᠢᠮᠵᠢᠶ᠎ᠡ ᠪᠤᠯᠤᠨ ᠰᠤᠷᠭᠠᠭᠤᠯᠢ ᠶᠢᠨ ᠪᠦᠳᠦᠭᠡᠨ ᠪᠠᠶᠢᠭᠤᠯᠤᠯᠳᠠ ᠶᠢᠨ ᠪᠠᠷᠢᠮᠵᠢᠶ᠎ᠡ᠂ ᠰᠤᠷᠤᠭᠴᠢᠳ ᠤᠨ ᠲᠡᠭᠰᠢᠳᠭᠡᠭᠰᠡᠨ ᠨᠡᠶᠢᠳᠡ ᠶᠢᠨ ᠬᠡᠷᠡᠭᠯᠡᠭᠡᠨ ᠤ ᠵᠠᠷᠤᠳᠠᠯ ᠤᠨ ᠪᠠᠷᠢᠮᠵᠢᠶ᠎ᠡ ᠵᠡᠷᠭᠡ ᠶᠢ ᠦᠨᠳᠦᠰᠦᠯᠡᠵᠦ᠂ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠵᠠᠷᠤᠳᠠᠯ ᠢ ᠴᠠᠭ ᠲᠤᠬᠠᠢ ᠳᠤᠨᠢ ᠲᠤᠭ᠎ᠠ ᠶᠤᠰᠤᠭᠠᠷ ᠰᠢᠯᠵᠢᠬᠦᠯᠦᠨ ᠦᠭᠴᠦ᠂ ᠰᠤᠷᠭᠠᠭᠤᠯᠢ ᠶᠢᠨ ᠭᠡᠪ ᠤᠨ ᠠᠵᠢᠯᠯᠠᠭ᠎ᠠ ᠪᠠ ᠰᠤᠷᠭᠠᠭᠤᠯᠢ ᠶᠢᠨ ᠪᠠᠶᠢᠷᠢ ᠶᠢᠨ ᠠᠶᠤᠯᠬᠦᠢ ᠪᠠᠶᠢᠬᠤ ᠶᠢ ᠪᠠᠳᠤᠯᠠᠵᠦ᠂ ᠪᠠᠭᠰᠢ ᠠᠵᠢᠯᠳᠠᠳ ᠤᠨ ᠴᠠᠯᠢᠩ ᠢ ᠲᠤᠭᠳᠠᠭᠠᠯ ᠶᠤᠰᠤᠭᠠᠷ ᠦᠭᠬᠦ ᠶᠢ ᠦᠨᠡᠨ ᠬᠦ ᠪᠠᠳᠤᠯᠠᠨ᠎ᠠ᠃      ᠲᠦᠷᠦ ᠶᠢᠨ ᠶᠠᠪᠤᠳᠠᠯ ᠤᠨ ᠬᠤᠷᠢᠶ᠎ᠡ ᠪᠤᠯᠤᠨ ᠤᠷᠤᠨ ᠨᠤᠳᠤᠭ ᠤᠨ ᠡᠯ᠎ᠡ ᠱᠠᠳᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠵᠢᠷᠦᠮ ᠤᠨ ᠰᠤᠷᠭᠠᠨ ᠬᠦᠮᠦᠵᠢᠯ ᠢ ᠬᠡᠷᠡᠭᠵᠢᠬᠦᠯᠬᠦ ᠶᠢ ᠬᠡᠷᠡᠭᠰᠡᠬᠦ ᠡᠳ᠋ ᠤᠨ ᠵᠠᠰᠠᠭ ᠠᠴᠠ ᠰᠢᠯᠵᠢᠬᠦᠯᠦᠨ ᠦᠭᠬᠦ ᠵᠤᠭᠤᠰ ᠤᠨ ᠨᠡᠮᠡᠭᠳᠡᠯ ᠤᠨ ᠬᠠᠷᠢᠴᠠᠯ ᠢ ᠡᠳ᠋ ᠤᠨ ᠵᠠᠰᠠᠭ ᠤᠨ ᠪᠠᠶᠢᠩᠭᠤ ᠶᠢᠨ ᠴᠢᠨᠠᠷᠲᠠᠢ ᠤᠷᠤᠯᠭ᠎ᠠ ᠶᠢᠨ ᠨᠡᠮᠡᠭᠳᠡᠯ ᠤᠨ ᠬᠠᠷᠢᠴᠠᠯ ᠠᠴᠠ ᠦᠨᠳᠦᠷ ᠪᠠᠶᠢᠯᠭᠠᠵᠦ᠂ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ᠲᠤᠭ᠎ᠠ ᠪᠠᠷ ᠲᠡᠭᠰᠢᠳᠭᠡᠭᠰᠡᠨ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠵᠠᠷᠤᠳᠠᠯ ᠢ ᠠᠯᠬᠤᠮ ᠠᠯᠬᠤᠮ ᠢᠶᠠᠷ ᠨᠡᠮᠡᠭᠳᠡᠬᠦᠯᠬᠦ ᠶᠢ ᠪᠠᠳᠤᠯᠠᠵᠦ᠂ ᠪᠠᠭᠰᠢ ᠠᠵᠢᠯᠳᠠᠳ ᠤᠨ ᠴᠠᠯᠢᠩ ᠪᠠ ᠰᠤᠷᠤᠭᠴᠢᠳ ᠲᠤ ᠲᠡᠭᠰᠢᠳᠭᠡᠭᠰᠡᠨ ᠨᠡᠶᠢᠳᠡ ᠶᠢᠨ ᠬᠡᠷᠡᠭᠯᠡᠭᠡᠨ ᠤ ᠵᠠᠷᠤᠳᠠᠯ ᠢ ᠠᠯᠬᠤᠮ ᠠᠯᠬᠤᠮ ᠢᠶᠠᠷ ᠨᠡᠮᠡᠭᠳᠡᠬᠦᠯᠬᠦ ᠶᠢ ᠪᠠᠳᠤᠯᠠᠬᠤ ᠬᠡᠷᠡᠭᠲᠠᠢ᠃      ᠲᠦᠴᠢᠨ ᠭᠤᠷᠪᠠᠳᠤᠭᠠᠷ ᠵᠦᠢᠯ ᠰᠤᠷᠭᠠᠭᠤᠯᠢ ᠶᠢᠨ ᠰᠤᠷᠤᠭᠴᠢᠳ ᠲᠤ ᠲᠡᠭᠰᠢᠳᠭᠡᠭᠰᠡᠨ ᠨᠡᠶᠢᠳᠡ ᠶᠢᠨ ᠬᠡᠷᠡᠭᠯᠡᠭᠡᠨ ᠤ ᠵᠠᠷᠤᠳᠠᠯ ᠤᠨ ᠦᠨᠳᠦᠰᠦᠨ ᠪᠠᠷᠢᠮᠵᠢᠶ᠎ᠡ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠠᠢ ᠬᠠᠮᠳᠤᠷᠠᠨ ᠲᠤᠭᠳᠠᠭᠠᠬᠤ ᠪᠦᠭᠡᠳ ᠠᠵᠦ ᠠᠬᠤᠢ ᠪᠠ ᠨᠡᠶᠢᠭᠡᠮ ᠤᠨ ᠬᠦᠭᠵᠢᠯᠳᠡ ᠶᠢᠨ ᠪᠠᠶᠢᠳᠠᠯ ᠢ ᠦᠨᠳᠦᠰᠦᠯᠡᠵᠦ ᠴᠠᠭ ᠲᠤᠬᠠᠢ ᠳᠤᠨᠢ ᠲᠡᠬᠦᠨ ᠳᠤ ᠲᠤᠬᠢᠷᠠᠭᠤᠯᠤᠯᠳᠠ ᠬᠢᠨ᠎ᠡ᠃ ᠰᠤᠷᠤᠭᠴᠢᠳ ᠲᠤ ᠲᠡᠭᠰᠢᠳᠭᠡᠭᠰᠡᠨ ᠨᠡᠶᠢᠳᠡ ᠶᠢᠨ ᠬᠡᠷᠡᠭᠯᠡᠭᠡᠨ ᠤ ᠵᠠᠷᠤᠳᠠᠯ ᠤᠨ ᠦᠨᠳᠦᠰᠦᠨ ᠪᠠᠷᠢᠮᠵᠢᠶ᠎ᠡ ᠶᠢ ᠲᠤᠭᠳᠠᠭᠠᠨ ᠲᠤᠬᠢᠷᠠᠭᠤᠯᠬᠤ ᠳᠠᠭᠠᠨ ᠰᠤᠷᠭᠠᠨ ᠬᠦᠮᠦᠵᠢᠬᠦᠯᠬᠦ ᠪᠠ ᠵᠢᠭᠠᠨ ᠰᠤᠷᠭᠠᠬᠤ ᠦᠨᠳᠦᠰᠦᠨ ᠬᠡᠷᠡᠭᠴᠡᠭᠡ ᠶᠢ ᠬᠠᠩᠭᠠᠬᠤ ᠬᠡᠷᠡᠭᠲᠠᠢ᠃      ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠠᠴᠠ ᠲᠤᠰ ᠵᠠᠰᠠᠭ ᠵᠠᠬᠢᠷᠭᠠᠨ ᠤ ᠤᠷᠤᠨ ᠳᠠᠬᠢ ᠪᠤᠳᠠᠳᠦ ᠪᠠᠶᠢᠳᠠᠯ ᠢᠶᠠᠨ ᠦᠨᠳᠦᠰᠦᠯᠡᠵᠦ᠂ ᠤᠯᠤᠰ ᠤᠨ ᠪᠠᠷᠢᠮᠵᠢᠶ᠎ᠡ ᠠᠴᠠ ᠲᠤᠤᠷ᠎ᠡ ᠦᠭᠡᠢ ᠪᠠᠶᠢᠬᠤ ᠰᠤᠷᠭᠠᠭᠤᠯᠢ ᠶᠢᠨ ᠰᠤᠷᠤᠭᠴᠢᠳ ᠲᠤ ᠲᠡᠭᠰᠢᠳᠭᠡᠭᠰᠡᠨ ᠨᠠᠶᠢᠳᠡ ᠶᠢᠨ ᠬᠡᠷᠡᠭᠯᠡᠭᠡᠨ ᠤ ᠵᠠᠷᠤᠳᠠᠯ ᠤᠨ ᠪᠠᠷᠢᠮᠵᠢᠶ᠎ᠡ ᠶᠢ ᠲᠤᠭᠳᠠᠭᠠᠵᠦ ᠪᠤᠯᠤᠨ᠎ᠠ᠃      ᠤᠨᠴᠠᠭᠠᠢ ᠰᠤᠷᠭᠠᠨ ᠬᠦᠮᠦᠵᠢᠯ ᠤᠨ ᠰᠤᠷᠭᠠᠭᠤᠯᠢ ︵ᠠᠩᠬᠢ︶ ᠶᠢᠨ ᠰᠤᠷᠤᠭᠴᠢᠳ ᠲᠤ ᠲᠡᠭᠰᠢᠳᠭᠡᠭᠰᠡᠨ ᠨᠡᠶᠢᠳᠡ ᠶᠢᠨ ᠬᠡᠷᠡᠭᠯᠡᠭᠡᠨ ᠤ ᠵᠠᠷᠤᠳᠠᠯ ᠤᠨ

        365赢多少钱会被限额_国内有真正的365平台吗_365bet博彩官网

        ᠪᠠᠷᠢᠮᠵᠢᠶ᠎ᠡ ᠶᠢ ᠡᠩ ᠤᠨ ᠰᠤᠷᠭᠠᠭᠤᠯᠢ ᠶᠢᠨ ᠰᠤᠷᠤᠭᠴᠢᠳ ᠲᠤ ᠲᠡᠭᠰᠢᠳᠭᠡᠭᠰᠡᠨ ᠨᠡᠶᠢᠳᠡ ᠶᠢᠨ ᠬᠡᠷᠡᠭᠯᠡᠭᠡᠨ ᠤ ᠵᠠᠷᠤᠳᠠᠯ ᠤᠨ ᠪᠠᠷᠢᠮᠵᠢᠶ᠎ᠡ ᠠᠴᠠ ᠦᠨᠳᠦᠷ ᠪᠠᠶᠢᠯᠭᠠᠬᠤ ᠬᠡᠷᠡᠭᠲᠠᠢ᠃      ᠲᠦᠴᠢᠨ ᠲᠦᠷᠪᠡᠳᠦᠭᠡᠷ ᠵᠦᠢᠯ ᠠᠯᠪᠠᠨ ᠵᠢᠷᠦᠮ ᠤᠨ ᠰᠣᠷᠭᠠᠨ ᠬᠦᠮᠦᠵᠢᠯ ᠤᠨ ᠵᠠᠷᠤᠳᠠᠯ ᠤᠨ ᠤᠷᠤᠭᠤᠯᠤᠯᠳᠠ ᠶᠢᠨ ᠲᠠᠯ᠎ᠠ ᠪᠠᠷ ᠲᠦᠷᠦ ᠶᠢᠨ ᠶᠠᠪᠤᠳᠠᠯ ᠤᠨ ᠬᠤᠷᠢᠶ᠎ᠡ ᠪᠤᠯᠤᠨ ᠤᠷᠤᠨ ᠨᠤᠳᠤᠭ ᠤᠨ ᠡᠯ᠎ᠡ ᠱᠠᠳᠣᠨ ᠤ ᠠᠷᠠᠳ ᠤᠨ ᠵᠠᠰᠠᠭ ᠤᠨ ᠤᠷᠳᠤᠨ ᠠᠴᠠ ᠲᠤᠰᠢᠶᠠᠯ ᠬᠠᠷᠢᠭᠤᠴᠠᠯᠭ᠎ᠠ ᠪᠠᠨ ᠦᠨᠳᠦᠰᠦᠯᠡᠨ ᠬᠠᠮᠳᠦ ᠪᠠᠷ ᠡᠬᠦᠷᠭᠡᠯᠡᠵᠦ᠂ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠡ ᠬᠤᠳᠠ ᠶᠢᠨ ᠠᠷᠠᠳ ᠤᠨ ᠵᠠᠰᠠᠭ ᠤᠨ ᠤᠷᠳᠤᠨ ᠠᠴᠠ ᠬᠠᠷᠢᠭᠤᠴᠠᠨ ᠨᠢᠭᠡᠳᠦᠯᠲᠠᠢ ᠲᠦᠯᠦᠪᠯᠡᠵᠦ ᠨᠠᠶᠢᠳᠠᠪᠤᠷᠢᠵᠢᠭᠤᠯᠬᠤ ᠲᠦᠷᠢᠮ ᠢ ᠬᠡᠷᠡᠭᠵᠢᠬᠦᠯᠦᠨ᠎ᠡ᠃ ᠬᠦᠳᠡᠭᠡ ᠲᠤᠰᠬᠤᠨ ᠤ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠬᠡᠷᠡᠭᠰᠡᠬᠦ ᠵᠠᠷᠤᠳᠠᠯ ᠢ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠲᠤᠭᠳᠠᠭᠠᠯ ᠢ ᠦᠨᠳᠦᠰᠦᠯᠡᠵᠦ᠂ ᠵᠦᠢᠯ ᠬᠤᠪᠢᠶᠠᠨ᠂ ᠬᠠᠷᠢᠴᠠᠯ ᠶᠤᠰᠤᠭᠠᠷ ᠬᠤᠪᠢᠶᠠᠨ ᠡᠬᠦᠷᠭᠡᠯᠡᠨ᠎ᠡ᠃        ᠡᠯ᠎ᠡ ᠱᠠᠳᠣᠨ ᠤ ᠠᠷᠠᠳ ᠤᠨ ᠵᠠᠰᠠᠭ ᠤᠨ ᠤᠷᠳᠤᠨ ᠠᠴᠠ ᠬᠡᠷ ᠤᠨ ᠠᠮᠢᠳᠤᠷᠠᠯ ᠨᠢ ᠬᠦᠴᠢᠷᠲᠠᠢ ᠰᠤᠷᠭᠠᠭᠤᠯᠢ ᠳᠤ ᠤᠷᠤᠬᠤ ᠨᠠᠰᠤᠨ ᠤ ᠬᠡᠤᠭᠡᠳ᠂ ᠪᠠᠭᠠᠴᠤᠳ ᠲᠤ ᠬᠢᠴᠢᠶᠠᠯ ᠤᠨ ᠪᠢᠴᠢᠭ ᠢ ᠰᠦᠢᠳᠭᠡᠯ ᠠᠪᠬᠤ ᠦᠭᠡᠢ ᠪᠠᠷ ᠬᠠᠩᠭᠠᠬᠤ ᠮᠦᠷᠳᠡᠭᠡᠨ ᠪᠠᠶᠢᠷᠢ ᠳᠤ ᠰᠠᠭᠤᠬᠤ ᠰᠤᠷᠤᠭᠴᠢᠳ ᠲᠤ ᠠᠮᠢᠳᠤᠷᠠᠯ ᠤᠨ ᠰᠦᠢᠳᠭᠡᠯ ᠤᠨ ᠨᠦᠬᠦᠪᠤᠷᠢ ᠤᠯᠭᠤᠨ᠎ᠠ᠃      ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠵᠠᠷᠤᠳᠠᠯ ᠤᠨ ᠪᠠᠳᠤᠯᠠᠭ᠎ᠠ ᠶᠢᠨ ᠪᠤᠳᠠᠲᠠᠢ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶ᠎ᠡ ᠠᠴᠠ ᠲᠤᠭᠳᠠᠭᠠᠨ᠎ᠠ᠃      ᠲᠦᠴᠢᠨ ᠲᠠᠪᠤᠳᠤᠭᠠᠷ ᠵᠦᠢᠯ ᠤᠷᠤᠨ ᠨᠤᠳᠤᠭ ᠤᠨ ᠡᠯ᠎ᠡ ᠱᠠᠳᠣᠨ ᠤ ᠠᠷᠠᠳ ᠤᠨ ᠵᠠᠰᠠᠭ ᠤᠨ ᠤᠷᠳᠤᠨ ᠡᠳ᠋ ᠤᠨ ᠵᠠᠰᠠᠭ ᠤᠨ ᠲᠦᠰᠦᠪ ᠲᠡᠭᠡᠨ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠵᠠᠷᠤᠳᠠᠯ ᠢ ᠠᠰ ᠲᠤᠨᠢ ᠵᠢᠭᠰᠠᠭᠠᠨ᠎ᠠ᠃      ᠰᠢᠶᠠᠨ ᠤ ᠱᠠᠳᠣᠨ ᠤ ᠠᠷᠠᠳ ᠤᠨ ᠵᠠᠰᠠᠭ ᠤᠨ ᠤᠷᠳᠤᠨ ᠠᠴᠠ ᠲᠦᠰᠦᠪ ᠢ ᠨᠠᠶᠢᠷᠠᠭᠤᠯᠤᠨ ᠵᠤᠬᠢᠶᠠᠬᠤ ᠳᠠᠭᠠᠨ᠂ ᠬᠦᠳᠡᠭᠡ ᠲᠤᠰᠬᠤᠨ ᠤ ᠭᠠᠵᠠᠷ ᠤᠷᠤᠨ ᠤ ᠰᠤᠷᠭᠠᠭᠤᠯᠢ ᠪᠤᠯᠤᠨ ᠪᠠᠭᠤᠷᠠᠢ ᠰᠤᠷᠭᠠᠭᠤᠯᠢ ᠲᠡᠰᠢ ᠬᠡᠯᠪᠠᠶᠢᠯᠭᠡᠬᠦ ᠠᠴᠠ ᠭᠠᠳᠠᠨ᠎ᠠ᠂ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠵᠠᠷᠤᠳᠠᠯ ᠢ ᠲᠡᠩᠴᠡᠬᠦᠷᠢᠲᠠᠢ ᠲᠤᠬᠢᠷᠠᠭᠤᠯᠬᠤ ᠬᠡᠷᠡᠭᠲᠠᠢ᠃      ᠳᠦᠴᠢᠨ ᠵᠢᠷᠭᠤᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶ᠎ᠡ ᠪᠤᠯᠤᠨ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠠᠴᠠ ᠡᠳ᠋ ᠤᠨ ᠵᠠᠰᠠᠭ ᠤᠨ ᠰᠢᠯᠵᠢᠬᠦᠯᠦᠨ ᠦᠭᠬᠦ ᠲᠦᠷᠢᠮ ᠢ ᠵᠢᠷᠦᠮᠵᠢᠭᠤᠯᠵᠦ᠂ ᠡᠩ ᠤᠨ ᠴᠢᠨᠠᠷᠲᠠᠢ ᠰᠢᠯᠵᠢᠬᠦᠯᠦᠨ ᠦᠭᠬᠦ ᠬᠡᠪᠴᠢᠶ᠎ᠡ ᠶᠢ ᠦᠷᠭᠡᠳᠭᠡᠬᠦ ᠪᠦᠭᠡᠳ ᠠᠯᠪᠠᠨ ᠵᠢᠷᠦᠮ ᠤᠨ ᠰᠤᠷᠭᠠᠨ ᠬᠦᠮᠦᠵᠢᠯ ᠳᠠᠬᠢ ᠲᠤᠰᠬᠠᠢ ᠵᠦᠢᠯ ᠤᠨ ᠰᠢᠯᠵᠢᠬᠦᠯᠦᠨ ᠦᠭᠬᠦ ᠶᠠᠪᠤᠳᠠᠯ ᠢ ᠵᠢᠷᠦᠮᠵᠢᠭᠤᠯᠵᠦ᠂ ᠤᠷᠤᠨ ᠨᠤᠳᠤᠭ ᠤᠨ ᠡᠯ᠎ᠡ ᠱᠠᠳᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠵᠢᠷᠦᠮ ᠤᠨ ᠰᠤᠷᠭᠠᠨ ᠬᠦᠮᠦᠵᠢᠯ ᠳᠠᠬᠢ ᠤᠷᠤᠭᠤᠯᠤᠯᠳᠠ ᠪᠠᠨ ᠨᠡᠮᠡᠭᠳᠡᠬᠦᠯᠬᠦ ᠶᠢ ᠲᠠᠮᠵᠢᠵᠦ ᠬᠦᠳᠦᠯᠦᠨ ᠵᠢᠯᠤᠭᠤᠳᠤᠨ᠎ᠠ᠃ ᠤᠷᠤᠨ ᠨᠤᠳᠤᠭ ᠤᠨ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠲᠡᠭᠡᠳᠦ ᠱᠠᠳᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠵᠢᠷᠦᠮ ᠤᠨ ᠰᠤᠷᠭᠠᠨ ᠬᠦᠮᠦᠵᠢᠯ ᠳᠤ ᠰᠢᠯᠵᠢᠬᠦᠯᠦᠨ ᠦᠭᠬᠦᠭᠰᠡᠨ ᠪᠡᠯᠡ ᠮᠦᠩᠬᠦ ᠶᠢ ᠲᠤᠭᠳᠠᠭᠠᠯ ᠶᠤᠰᠤᠭᠠᠷ ᠠᠯᠪᠠᠨ ᠵᠢᠷᠦᠮ ᠤᠨ ᠰᠤᠷᠭᠠᠨ ᠬᠦᠮᠦᠵᠢᠯ ᠳᠤ ᠬᠡᠷᠡᠭᠯᠡᠬᠦ ᠶᠢ ᠦᠨᠡᠨ ᠬᠦ ᠪᠠᠳᠤᠯᠠᠨ᠎ᠠ᠃      ᠲᠦᠴᠢᠨ ᠲᠤᠯᠤᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶ᠎ᠡ ᠪᠤᠯᠤᠨ ᠰᠢᠶᠠᠨ ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠠᠴᠠ ᠪᠤᠳᠠᠳᠦ ᠬᠡᠷᠡᠭᠴᠡᠭᠡ ᠪᠠᠨ ᠦᠨᠳᠦᠰᠦᠯᠡᠨ ᠲᠤᠰᠬᠠᠢ ᠵᠦᠢᠯ ᠪᠠᠨ ᠪᠡᠯᠡ ᠮᠦᠩᠬᠦ ᠪᠠᠶᠢᠭᠤᠯᠵᠦ᠂ ᠬᠦᠳᠡᠭᠡ ᠲᠤᠰᠬᠤᠨ ᠤ ᠭᠠᠵᠠᠷ ᠤᠷᠤᠨ᠂ ᠦᠨᠳᠦᠰᠦᠳᠡᠨ ᠤ ᠭᠠᠵᠠᠷ ᠤᠷᠤᠨ ᠤ ᠠᠯᠪᠠᠨ ᠵᠢᠷᠦᠮ ᠤᠨ ᠰᠤᠷᠭᠠᠨ ᠬᠦᠮᠦᠵᠢᠯ ᠢ ᠬᠡᠷᠡᠭᠵᠢᠬᠦᠯᠬᠦ ᠶᠢ ᠲᠡᠳᠭᠦᠨ ᠲᠡᠮᠵᠢᠨ᠎ᠡ᠃      ᠲᠦᠴᠢᠨ ᠨᠠᠢᠮᠠᠳᠤᠭᠠᠷ ᠵᠦᠢᠯ ᠨᠡᠶᠢᠭᠡᠮ ᠤᠨ ᠵᠤᠬᠢᠶᠠᠨ ᠪᠠᠶᠢᠭᠤᠯᠤᠯᠳᠠ ᠪᠤᠯᠤᠨ ᠬᠤᠪᠢ ᠬᠦᠮᠦᠨ ᠠᠴᠠ ᠠᠯᠪᠠᠨ ᠵᠢᠷᠦᠮ ᠤᠨ ᠰᠤᠷᠭᠠᠨ ᠬᠦᠮᠦᠵᠢᠯ ᠳᠤ ᠪᠡᠯᠡᠭᠯᠡᠨ ᠬᠦᠷᠭᠡᠬᠦ ᠶᠢ ᠤᠯᠤᠰ ᠠᠴᠠ ᠵᠤᠷᠢᠭᠵᠢᠭᠤᠯᠤᠨ᠎ᠠ᠂ ᠤᠯᠤᠰ ᠤᠨ ᠰᠠᠭᠤᠷᠢ ᠮᠦᠩᠬᠦᠨ ᠤ ᠨᠡᠶᠢᠭᠡᠮᠯᠢᠭ ᠤᠨ ᠬᠠᠮᠢᠶᠠᠷᠤᠯᠳᠠ ᠶᠢᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠰᠠᠭᠤᠷᠢ ᠮᠦᠩᠬᠦ ᠪᠠᠶᠢᠭᠤᠯᠬᠤ ᠶᠢ ᠤᠯᠤᠰ ᠠᠴᠠ ᠵᠤᠷᠢᠭᠵᠢᠭᠤᠯᠤᠨ᠎ᠠ᠃      ᠲᠦᠴᠢ ᠶᠢᠰᠦᠳᠦᠭᠡᠷ ᠵᠦᠢᠯ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠵᠠᠷᠤᠳᠠᠯ ᠢ ᠲᠦᠰᠦᠪ ᠤᠨ ᠲᠤᠭᠳᠠᠭᠠᠯ ᠢ ᠴᠢᠩᠭ᠎ᠠ ᠵᠢᠷᠦᠮᠯᠠᠨ ᠠᠯᠪᠠᠨ ᠵᠢᠷᠦᠮ ᠤᠨ ᠰᠤᠷᠭᠠᠨ ᠬᠦᠮᠦᠵᠢᠯ ᠳᠤ ᠬᠡᠷᠡᠭᠯᠡᠨ᠎ᠡ︔ ᠶᠠᠮᠠᠷᠪᠠ ᠵᠤᠬᠢᠶᠠᠨ ᠪᠠᠶᠢᠭᠤᠯᠤᠯᠳᠠ ᠪᠤᠯᠤᠨ ᠬᠤᠪᠢ ᠬᠦᠮᠦᠨ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠵᠠᠷᠤᠳᠠᠯ ᠢ ᠡᠵᠡᠯᠡᠬᠦ ᠪᠠ ᠨᠡᠬᠦᠯᠭᠡᠨ ᠬᠡᠷᠡᠭᠯᠡᠵᠦ ᠪᠤᠯᠬᠤ ᠦᠭᠡᠢ᠂ ᠰᠤᠷᠭᠠᠭᠤᠯᠢ ᠠᠴᠠ ᠬᠠᠤᠯᠢ ᠪᠤᠰᠤ ᠪᠠᠷ ᠰᠦᠢᠳᠭᠡᠯ ᠬᠤᠷᠢᠶᠠᠬᠤ ᠪᠤᠶᠤ ᠲᠡᠰᠭᠡᠨ ᠲᠠᠭᠠᠭᠠᠯᠭᠠᠵᠦ ᠪᠤᠯᠬᠤ ᠦᠭᠡᠢ᠃      ᠲᠠᠪᠢᠳᠤᠭᠠᠷ ᠵᠦᠢᠯ ᠰᠢᠶᠠᠨ ᠤᠨ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠠᠴᠠ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠵᠠᠷᠤᠳᠠᠯ ᠤᠨ ᠬᠢᠨᠠᠨ ᠪᠤᠳᠤᠬᠤ ᠬᠢᠨᠠᠯᠳᠠ ᠲᠠᠯᠪᠢᠬᠤ ᠲᠦᠷᠢᠮ ᠪᠠ ᠪᠦᠷᠢᠳᠭᠡᠵᠦ ᠵᠠᠷᠯᠠᠬᠤ ᠲᠦᠷᠢᠮ ᠢ ᠪᠠᠶᠢᠭᠤᠯᠤᠨ ᠲᠡᠬᠦᠯᠳᠡᠷᠵᠢᠬᠦᠯᠦᠨ᠎ᠡ᠃      ᠲᠤᠯᠤᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ      ᠲᠠᠪᠢᠨ ᠨᠢᠭᠡᠳᠦᠭᠡᠷ ᠵᠦᠢᠯ ᠲᠦᠷᠦ ᠶᠢᠨ ᠶᠠᠪᠤᠳᠠᠯ ᠤᠨ ᠬᠤᠷᠢᠶ᠎ᠡ ᠶᠢᠨ ᠬᠤᠯᠪᠤᠭᠳᠠᠯ ᠪᠦᠬᠦᠢ ᠰᠠᠯᠠᠭ᠎ᠠ ᠮᠦᠴᠢᠷ ᠪᠤᠯᠤᠨ ᠤᠷᠤᠨ ᠨᠤᠳᠤᠭ ᠤᠨ ᠡᠯ᠎ᠡ ᠱᠠᠳᠣᠨ ᠤ ᠠᠷᠠᠳ ᠤᠨ ᠵᠠᠰᠠᠭ ᠤᠨ ᠤᠷᠳᠤᠨ ᠨᠢ ᠲᠤᠰ ᠬᠠᠤᠯᠢ ᠶᠢᠨ ᠵᠢᠷᠭᠤᠳᠤᠭᠠᠷ ᠪᠦᠯᠦᠭ ᠤᠨ ᠲᠤᠭᠳᠠᠭᠠᠯ ᠢ ᠵᠦᠷᠢᠴᠡᠵᠦ᠂ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠵᠠᠷᠤᠳᠠᠯ ᠢ ᠪᠠᠳᠤᠯᠠᠬᠤ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠭᠰᠡᠨ ᠦᠭᠡᠢ ᠪᠠᠶᠢᠪᠠᠯ᠂ ᠲᠦᠷᠦ ᠶᠢᠨ ᠶᠠᠪᠤᠳᠠᠯ ᠤᠨ ᠬᠤᠷᠢᠶ᠎ᠡ ᠪᠤᠶᠤ ᠲᠡᠭᠡᠳᠦ ᠱᠠᠳᠣᠨ ᠤ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠠᠴᠠ ᠵᠠᠷᠯᠢᠭᠳᠠᠵᠦ ᠪᠠᠶᠢᠭᠠᠳ ᠬᠤᠭᠤᠴᠠᠭ᠎ᠠ ᠲᠤᠭᠳᠠᠭᠠᠨ ᠵᠠᠯᠠᠷᠠᠭᠤᠯᠤᠨ᠎ᠠ︔ ᠦᠢᠯᠡ ᠪᠠᠶᠢᠳᠠᠯ ᠨᠢ ᠬᠦᠨᠳᠦ ᠨᠤᠴᠢᠲᠠᠢ ᠪᠠᠶᠢᠪᠠᠯ᠂ ᠰᠢᠭᠤᠳ ᠬᠠᠷᠢᠭᠤᠴᠠᠵᠦ ᠪᠠᠶᠢᠭ᠎ᠠ ᠡᠷᠬᠢᠯᠡᠨ ᠬᠠᠮᠢᠶᠠᠷᠬᠤ ᠬᠦᠮᠦᠨ ᠪᠤᠶᠤ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠡ᠃      ᠲᠠᠪᠢᠨ ᠬᠤᠶᠠᠳᠤᠭᠠᠷ ᠵᠦᠢᠯ ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠠᠷᠠᠳ ᠤᠨ ᠵᠠᠰᠠᠭ ᠤᠨ ᠤᠷᠳᠤᠨ ᠳᠤ ᠲᠤᠤᠷ᠎ᠡ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠲᠡᠭᠡᠳᠦ ᠱᠠᠳᠤᠨ ᠤ ᠠᠷᠠᠳ ᠤᠨ ᠵᠠᠰᠠᠭ ᠤᠨ ᠤᠷᠳᠤᠨ ᠠᠴᠠ ᠵᠠᠷᠯᠢᠭᠳᠠᠵᠦ ᠪᠠᠶᠢᠭᠠᠳ ᠬᠤᠭᠤᠴᠠᠭ᠎ᠠ ᠲᠤᠭᠳᠠᠭᠠᠨ ᠵᠠᠯᠠᠷᠠᠭᠤᠯᠤᠭᠤᠯᠤᠨ᠎ᠠ︔ ᠦᠢᠯᠡ ᠪᠠᠶᠢᠳᠠᠯ ᠨᠢ ᠬᠦᠨᠳᠦ ᠨᠤᠴᠢᠲᠠᠢ ᠪᠠᠶᠢᠪᠠᠯ᠂ ᠰᠢᠭᠤᠳ ᠬᠠᠷᠢᠭᠤᠴᠠᠵᠦ ᠪᠠᠶᠢᠭ᠎ᠠ ᠡᠷᠬᠢᠯᠡᠨ ᠬᠠᠮᠢᠶᠠᠷᠬᠤ ᠬᠦᠮᠦᠨ ᠪᠤᠶᠤ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠡ᠄      ︵ᠨᠢᠭᠡ︶ ᠰᠤᠷᠭᠠᠭᠤᠯᠢ ᠶᠢᠨ ᠪᠠᠶᠢᠷᠢᠯᠠᠭᠤᠯᠬᠤ ᠲᠦᠯᠦᠪᠵᠢᠬᠦᠯᠭᠡ ᠶᠢ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠲᠤᠭᠳᠠᠭᠠᠵᠦ᠂ ᠲᠤᠬᠢᠷᠠᠭᠤᠯᠤᠭᠰᠠᠨ ᠦᠭᠡᠢ ᠪᠠᠶᠢᠬᠤ︔      ︵ᠬᠤᠶᠠᠷ︶ ᠰᠤᠷᠭᠠᠭᠤᠯᠢ ᠶᠢᠨ ᠪᠦᠳᠦᠭᠡᠨ ᠪᠠᠶᠢᠭᠤᠯᠤᠯᠳᠠ ᠨᠢ ᠤᠯᠤᠰ ᠤᠨ ᠲᠤᠭᠳᠠᠭᠠᠭᠰᠠᠨ ᠰᠤᠷᠭᠠᠭᠤᠯᠢ ᠡᠷᠬᠢᠯᠡᠬᠦ ᠪᠠᠷᠢᠮᠵᠢᠶ᠎ᠡ᠂ ᠭᠠᠵᠠᠷ ᠰᠤᠩᠭᠤᠬᠤ ᠱᠠᠭᠠᠷᠳᠠᠯᠭ᠎ᠠ ᠪᠤᠯᠤᠨ ᠪᠦᠳᠦᠭᠡᠨ ᠪᠠᠶᠢᠭᠤᠯᠤᠯᠳᠠ ᠶᠢᠨ ᠪᠠᠷᠢᠮᠵᠢᠶ᠎ᠡ ᠳᠤ ᠦᠯᠦ ᠨᠡᠶᠢᠴᠡᠭᠰᠡᠨ ᠪᠠᠶᠢᠬᠤ︔      ︵ᠭᠤᠷᠪᠠ︶ ᠰᠤᠷᠭᠠᠭᠤᠯᠢ ᠶᠢᠨ ᠪᠠᠶᠢᠷᠢ ᠶᠢᠨ ᠠᠶᠤᠯ ᠦᠭᠡᠢ ᠶᠢ ᠲᠤᠭᠳᠠᠮᠠᠯ ᠬᠤᠭᠤᠴᠠᠭ᠎ᠠ ᠲᠠᠢ ᠪᠠᠷ ᠪᠠᠶᠢᠴᠠᠭᠠᠭᠰᠠᠨ ᠦᠭᠡᠢ ᠪᠦᠭᠡᠳ ᠴᠠᠭ ᠲᠤᠬᠠᠢ ᠳᠤᠨᠢ ᠰᠡᠯᠪᠢᠨ ᠵᠠᠰᠠᠵᠦ᠂ ᠦᠭᠡᠷᠡᠴᠢᠯᠡᠭᠰᠡᠨ ᠦᠭᠡᠢ ᠪᠠᠶᠢᠬᠤ︔      ︵ᠲᠦᠷᠪᠡ︶ ᠲᠤᠰ ᠬᠠᠤᠯᠢ ᠶᠢᠨ ᠲᠤᠭᠳᠠᠭᠠᠯ ᠶᠤᠰᠤᠭᠠᠷ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠵᠠᠷᠤᠳᠠᠯ ᠢ ᠲᠡᠩᠴᠡᠬᠦᠷᠢᠲᠠᠢ ᠲᠤᠬᠢᠷᠠᠭᠤᠯᠤᠭᠰᠠᠨ ᠦᠭᠡᠢ ᠪᠠᠶᠢᠬᠤ᠃      ᠲᠠᠪᠢᠨ ᠭᠤᠷᠪᠠᠳᠤᠭᠠᠷ ᠵᠦᠢᠯ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠪᠤᠶᠤ ᠲᠡᠬᠦᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠲᠤᠤᠷ᠎ᠡ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠲᠡᠭᠡᠳᠦ ᠱᠠᠳᠤᠨ ᠤ ᠠᠷᠠᠳ ᠤᠨ ᠵᠠᠰᠠᠭ ᠤᠨ ᠤᠷᠳᠤᠨ ᠪᠤᠶᠤ ᠲᠡᠬᠦᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠᠵᠦ ᠪᠠᠶᠢᠭᠠᠳ ᠬᠤᠭᠤᠴᠠᠭ᠎ᠠ ᠲᠤᠭᠳᠠᠭᠠᠨ ᠵᠠᠯᠠᠷᠠᠭᠤᠯᠵᠦ᠂ ᠵᠠᠷᠯᠠᠨ ᠰᠢᠬᠦᠮᠵᠢᠯᠡᠨ᠎ᠡ︔ ᠦᠢᠯᠡ ᠪᠠᠶᠢᠳᠠᠯ ᠨᠢ ᠬᠦᠨᠳᠦ ᠨᠤᠴᠢᠲᠠᠢ ᠪᠠᠶᠢᠪᠠᠯ᠂ ᠰᠢᠭᠤᠳ ᠬᠠᠷᠢᠭᠤᠴᠠᠵᠦ ᠪᠠᠶᠢᠭ᠎ᠠ ᠡᠷᠬᠢᠯᠡᠨ ᠬᠠᠮᠢᠶᠠᠷᠬᠤ ᠬᠦᠮᠦᠨ ᠪᠤᠶᠤ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠡ᠄      ︵ᠨᠢᠭᠡ︶ ᠰᠤᠷᠭᠠᠭᠤᠯᠢ ᠶᠢ ᠭᠤᠤᠯᠳᠠᠯᠭᠠᠳᠦ ᠰᠤᠷᠭᠠᠭᠤᠯᠢ ᠪᠤᠯᠤᠨ ᠭᠤᠤᠯᠳᠠᠯᠭᠠᠳᠦ ᠪᠤᠰᠤ ᠰᠤᠷᠭᠠᠭᠤᠯᠢ ᠭᠡᠵᠦ ᠬᠤᠪᠢᠶᠠᠭᠰᠠᠨ︔      ︵ᠬᠤᠶᠠᠷ︶ ᠠᠯᠪᠠᠨ ᠠᠴᠠ ᠡᠷᠬᠢᠯᠡᠭᠰᠡᠨ ᠰᠤᠷᠭᠠᠭᠤᠯᠢ ᠶᠢᠨ ᠰᠢᠨᠵᠢ ᠴᠢᠨᠠᠷ ᠢ ᠬᠤᠪᠢᠷᠠᠭᠤᠯᠤᠭᠰᠠᠨ ᠪᠤᠶᠤ ᠬᠡᠯᠪᠡᠷᠢ ᠶᠢ ᠨᠢ ᠦᠭᠡᠷᠡᠳᠦᠬᠦᠯᠦᠨ ᠬᠤᠪᠢᠷᠠᠭᠤᠯᠤᠭᠰᠠᠨ      ᠰᠢᠶᠠᠨ ᠤᠨ ᠱᠠᠳᠤᠨ ᠤ ᠠᠷᠠᠳ ᠤᠨ ᠵᠠᠰᠠᠭ ᠤᠨ ᠤᠷᠳᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠪᠤᠶᠤ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠠᠴᠠ ᠠᠷᠭ᠎ᠠ ᠬᠡᠮᠵᠢᠶ᠎ᠡ ᠠᠪᠴᠦ ᠪᠠᠶᠢᠭᠠᠳ ᠰᠤᠷᠭᠠᠭᠤᠯᠢ ᠳᠤ ᠤᠷᠤᠬᠤ ᠨᠠᠰᠤᠨ ᠤ ᠬᠡᠤᠭᠡᠳ᠂ ᠪᠠᠭᠠᠴᠤᠳ ᠤᠨ ᠰᠤᠷᠭᠠᠭᠤᠯᠢ ᠳᠤ ᠤᠷᠤᠬᠤ ᠶᠢ ᠵᠤᠬᠢᠶᠠᠨ ᠪᠠᠶᠢᠭᠤᠯᠤᠭᠰᠠᠨ ᠦᠭᠡᠢ ᠪᠤᠶᠤ ᠰᠤᠷᠤᠯᠭ᠎ᠠ ᠪᠠᠨ ᠲᠤᠷᠭᠤᠨ ᠵᠤᠭᠰᠤᠬᠤ ᠶᠢ ᠬᠤᠷᠢᠭᠯᠠᠭᠰᠠᠨ ᠦᠭᠡᠢ ᠪᠠᠶᠢᠪᠠᠯ᠂ ᠡᠮᠦᠨᠡᠬᠢ ᠪᠠᠳᠠᠭ ᠤᠨ ᠲᠤᠭᠳᠠᠭᠠᠯ ᠶᠤᠰᠤᠭᠠᠷ ᠬᠠᠤᠯᠢ ᠶᠢᠨ ᠬᠠᠷᠢᠭᠤᠴᠠᠯᠭ᠎ᠠ ᠨᠡᠭᠡᠮᠵᠢᠯᠡᠨ᠎ᠡ᠃      ᠲᠠᠪᠢᠨ ᠲᠦᠷᠪᠡᠲᠦᠭᠡᠷ ᠵᠦᠢᠯ ᠲᠤᠤᠷ᠎ᠡ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠲᠡᠭᠡᠳᠦ ᠱᠠᠳᠣᠨ ᠤ ᠠᠷᠠᠳ ᠤᠨ ᠵᠠᠰᠠᠭ ᠤᠨ ᠤᠷᠳᠤᠨ ᠪᠤᠶᠤ ᠲᠡᠭᠡᠳᠦ ᠱᠠᠳᠤᠨ ᠤ ᠠᠷᠠᠳ ᠤᠨ ᠵᠠᠰᠠᠭ ᠤᠨ ᠤᠷᠳᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ᠂ ᠡᠳ᠋ ᠤᠨ ᠵᠠᠰᠠᠭ ᠤᠨ ᠰᠠᠯᠠᠭ᠎ᠠ ᠮᠦᠴᠢᠷ᠂ ᠦᠨ᠎ᠡ ᠬᠠᠩᠰᠢ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠪᠤᠯᠤᠨ ᠬᠢᠨᠠᠨ ᠪᠤᠳᠤᠬᠤ ᠪᠠᠶᠢᠭᠤᠯᠭ᠎ᠠ ᠠᠴᠠ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ ᠵᠠᠷᠯᠢᠭᠳᠠᠵᠦ ᠪᠠᠶᠢᠭᠠᠳ ᠬᠤᠭᠤᠴᠠᠭ᠎ᠠ ᠲᠤᠭᠳᠠᠭᠠᠨ ᠵᠠᠯᠠᠷᠠᠭᠤᠯᠤᠨ᠎ᠠ︔ ᠦᠢᠯᠡ ᠪᠠᠶᠢᠳᠠᠯ ᠨᠢ ᠬᠦᠨᠳᠦ ᠨᠤᠴᠢᠲᠠᠢ ᠪᠠᠶᠢᠪᠠᠯ᠂ ᠰᠢᠭᠤᠳ ᠬᠠᠷᠢᠭᠤᠴᠠᠵᠦ ᠪᠠᠶᠢᠭ᠎ᠠ ᠡᠷᠬᠢᠯᠡᠨ ᠬᠠᠮᠢᠶᠠᠷᠬᠤ ᠬᠦᠮᠦᠨ ᠪᠤᠶᠤ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠰᠢᠳᠭᠡᠯ ᠦᠭᠬᠦᠨ᠎ᠡ      ︵ᠨᠢᠭᠡ︶ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠵᠠᠷᠤᠳᠠᠯ ᠢ ᠡᠵᠡᠯᠡᠭᠰᠡᠨ ᠪᠤᠶᠤ ᠨᠡᠬᠦᠯᠭᠡᠨ ᠬᠡᠷᠡᠭᠯᠡᠭᠰᠡᠨ︔      ︵ᠬᠤᠶᠠᠷ︶ ᠰᠤᠷᠭᠠᠭᠤᠯᠢ ᠠᠴᠠ ᠬᠠᠤᠯᠢ ᠪᠤᠰᠤ ᠪᠠᠷ ᠰᠦᠢᠳᠭᠡᠯ ᠬᠤᠷᠢᠶᠠᠭᠰᠠᠨ ᠪᠤᠶᠤ ᠵᠠᠷᠤᠳᠠᠯ ᠢ ᠲᠡᠰᠭᠡᠭᠰᠡᠨ᠃      ᠲᠠᠪᠢᠨ ᠲᠠᠪᠤᠳᠤᠭᠠᠷ ᠵᠦᠢᠯ ᠰᠣᠷᠭᠠᠭᠤᠯᠢ ᠪᠤᠶᠤ ᠪᠠᠭᠰᠢ ᠨᠠᠷ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠠᠵᠢᠯ ᠤᠨ ᠲᠤᠮᠳᠠ ᠪᠠᠨ ᠰᠤᠷᠭᠠᠨ ᠬᠦᠮᠦᠵᠢᠯ ᠤᠨ ᠬᠠᠤᠯᠢ᠂ ᠪᠠᠭᠰᠢ ᠶᠢᠨ ᠬᠠᠤᠯᠢ ᠶᠢᠨ ᠲᠤᠭᠳᠠᠭᠠᠯ ᠠᠴᠠ ᠵᠦᠷᠢᠴᠡᠭᠰᠡᠨ ᠪᠠᠶᠢᠪᠠᠯ᠂ ᠰᠤᠷᠭᠠᠨ ᠬᠦᠮᠦᠵᠢᠯ ᠤᠨ ᠬᠠᠤᠯᠢ᠂ ᠪᠠᠭᠰᠢ ᠶᠢᠨ ᠬᠠᠤᠯᠢ ᠶᠢᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠰᠢᠳᠭᠡᠨ᠎ᠡ᠃      ᠲᠠᠪᠢᠨ ᠵᠢᠷᠭᠤᠳᠤᠭᠠᠷ ᠵᠦᠢᠯ ᠰᠤᠷᠭᠠᠭᠤᠯᠢ ᠨᠢ ᠤᠯᠤᠰ ᠤᠨ ᠲᠤᠭᠳᠠᠭᠠᠯ ᠢ ᠵᠦᠷᠢᠴᠡᠵᠦ ᠰᠦᠢᠳᠭᠡᠯ ᠬᠤᠷᠢᠶᠠᠭᠰᠠᠨ ᠪᠠᠶᠢᠪᠠᠯ᠂ ᠰᠢᠶᠠᠨ ᠤ ᠱᠠᠳᠣᠨ ᠤ ᠠᠷᠠᠳ ᠤᠨ ᠵᠠᠰᠠᠭ ᠤᠨ ᠤᠷᠳᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠᠵᠦ ᠪᠠᠶᠢᠭᠠᠳ ᠬᠤᠷᠢᠶᠠᠭᠰᠠᠨ ᠰᠦᠢᠳᠭᠡᠯ ᠢ ᠪᠤᠴᠠᠭᠠᠯᠭᠠᠨ᠎ᠠ︔ ᠰᠢᠭᠤᠳ ᠬᠠᠷᠢᠭᠤᠴᠠᠵᠦ ᠪᠠᠶᠢᠭ᠎ᠠ ᠡᠷᠬᠢᠯᠡᠨ ᠬᠠᠮᠢᠶᠠᠷᠬᠤ ᠬᠦᠮᠦᠨ ᠪᠤᠶᠤ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠰᠢᠳᠭᠡᠯ ᠦᠭᠬᠦᠨ᠎ᠡ᠃      ᠰᠤᠷᠭᠠᠭᠤᠯᠢ ᠨᠢ ᠰᠤᠷᠤᠭᠴᠢᠳ ᠲᠤ ᠲᠠᠸᠡᠷ᠂ ᠦᠢᠯᠡᠴᠢᠯᠡᠭᠡ ᠶᠢ ᠪᠤᠷᠤᠯᠠᠭᠤᠯᠬᠤ ᠪᠤᠶᠤ ᠬᠡᠯᠪᠡᠷᠢ ᠶᠢ ᠨᠢ ᠦᠭᠡᠷᠡᠲᠦᠬᠦᠯᠦᠨ ᠪᠤᠷᠤᠯᠠᠭᠤᠯᠬᠤ ᠵᠡᠷᠭᠡ ᠠᠷᠭ᠎ᠠ ᠬᠡᠯᠪᠡᠷᠢ ᠪᠠᠷ ᠠᠰᠢᠭ ᠲᠤᠰᠠ ᠤᠯᠤᠭᠰᠠᠨ ᠪᠠᠶᠢᠪᠠᠯ᠂ ᠰᠢᠶᠠᠨ ᠤᠨ ᠱᠠᠳᠣᠨ ᠤ ᠠᠷᠠᠳ ᠤᠨ ᠵᠠᠰᠠᠭ ᠤᠨ ᠤᠷᠳᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠠᠨ ᠰᠢᠬᠦᠮᠵᠢᠯᠡᠨ᠎ᠡ︔ ᠬᠠᠤᠯᠢ ᠶᠢ ᠵᠦᠷᠢᠴᠡᠵᠦ ᠤᠯᠤᠭᠰᠠᠨ ᠠᠰᠢᠭ ᠤᠯᠵᠠᠪᠤᠷᠢ ᠲᠠᠢ ᠪᠠᠶᠢᠪᠠᠯ᠂ ᠬᠠᠤᠯᠢ ᠶᠢ ᠵᠦᠷᠢᠴᠡᠵᠦ ᠤᠯᠤᠭᠰᠠᠨ ᠠᠰᠢᠭ ᠤᠯᠵᠠᠪᠤᠷᠢ ᠶᠢ ᠨᠢ ᠬᠤᠷᠢᠶᠠᠨ ᠠᠪᠤᠨ᠎ᠠ︔ ᠰᠢᠭᠤᠳ ᠬᠠᠷᠢᠭᠤᠴᠠᠵᠦ ᠪᠠᠶᠢᠭ᠎ᠠ ᠡᠷᠬᠢᠯᠡᠨ ᠬᠠᠮᠢᠶᠠᠷᠬᠤ ᠬᠦᠮᠦᠨ ᠪᠤᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠰᠢᠳᠭᠡᠯ ᠦᠭᠬᠦᠨ᠎ᠡ᠃      ᠲᠦᠷᠦ ᠶᠢᠨ ᠪᠠᠶᠢᠭᠤᠯᠭ᠎ᠠ ᠶᠢᠨ ᠠᠵᠢᠯᠳᠠᠨ ᠪᠤᠯᠤᠨ ᠬᠢᠴᠢᠶᠠᠯ ᠤᠨ ᠪᠢᠴᠢᠭ ᠢ ᠬᠢᠨᠠᠨ ᠪᠠᠶᠢᠴᠠᠭᠠᠬᠤ ᠬᠦᠮᠦᠰ ᠬᠢᠴᠢᠶᠠᠯ ᠤᠨ ᠪᠢᠴᠢᠭ ᠢ ᠨᠠᠶᠢᠷᠠᠭᠤᠯᠤᠨ ᠪᠢᠴᠢᠬᠦ ᠠᠵᠢᠯ ᠳᠤ ᠤᠷᠤᠯᠴᠠᠭᠰᠠᠨ ᠪᠤᠶᠤ ᠬᠡᠯᠪᠡᠷᠢ ᠶᠢ ᠨᠢ ᠦᠭᠡᠷᠡᠳᠦᠬᠦᠯᠦᠨ ᠤᠷᠤᠯᠴᠠᠭᠰᠠᠨ ᠪᠠᠶᠢᠪᠠᠯ᠂ ᠰᠢᠶᠠᠨ ᠤ ᠱᠠᠳᠣᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠪᠤᠶᠤ ᠲᠡᠬᠦᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠲᠤᠰᠢᠶᠠᠯ ᠬᠠᠷᠢᠭᠤᠴᠠᠯᠭ᠎ᠠ ᠶᠢᠨ ᠡᠷᠭᠡ ᠶᠢᠨ ᠭᠡᠪᠴᠢᠶ᠎ᠡ ᠪᠠᠨ ᠦᠨᠳᠦᠰᠦᠯᠡᠨ ᠵᠠᠷᠯᠢᠭᠳᠠᠵᠦ ᠪᠠᠶᠢᠭᠠᠳ ᠬᠤᠭᠤᠴᠠᠭᠠᠨ ᠲᠤᠭᠳᠠᠭᠠᠨ ᠵᠠᠯᠠᠷᠠᠭᠤᠯᠤᠭᠤᠯᠵᠦ᠂ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠡ︔ ᠬᠠᠤᠯᠢ ᠶᠢ ᠵᠦᠷᠢᠴᠡᠵᠦ ᠤᠯᠤᠭᠰᠠᠨ ᠠᠰᠢᠭ ᠤᠯᠵᠠᠪᠤᠷᠢ ᠲᠠᠢ ᠪᠠᠶᠢᠪᠠᠯ᠂ ᠬᠠᠤᠯᠢ ᠶᠢ ᠵᠦᠷᠢᠴᠡᠵᠦ ᠤᠯᠤᠭᠰᠠᠨ ᠠᠰᠢᠭ ᠤᠯᠵᠠᠪᠤᠷᠢ ᠶᠢ ᠨᠢ ᠬᠤᠷᠢᠶᠠᠨ ᠠᠪᠤᠨ᠎ᠠ᠃      ᠲᠠᠪᠢᠨ ᠲᠤᠯᠤᠳᠤᠭᠠᠷ ᠵᠦᠢᠯ ᠰᠤᠷᠭᠠᠭᠤᠯᠢ ᠳᠤ ᠲᠤᠤᠷ᠎ᠡ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠰᠢᠶᠠᠨ ᠤ ᠱᠠᠳᠣᠨ ᠤ ᠠᠷᠠᠳ ᠤᠨ ᠵᠠᠰᠠᠭ ᠤᠨ ᠤᠷᠳᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠᠵᠦ ᠪᠠᠶᠢᠭᠠᠳ ᠬᠤᠭᠤᠴᠠᠭ᠎ᠠ ᠲᠤᠭᠳᠠᠭᠠᠨ ᠵᠠᠯᠠᠷᠠᠭᠤᠯᠤᠭᠤᠯᠤᠨ᠎ᠠ︔ ᠦᠢᠯᠡ ᠪᠠᠶᠢᠳᠠᠯ ᠨᠢ ᠬᠦᠨᠳᠦ ᠨᠤᠴᠢᠲᠠᠢ ᠪᠠᠶᠢᠪᠠᠯ᠂ ᠰᠢᠭᠤᠳ ᠬᠠᠷᠢᠭᠤᠴᠠᠵᠦ ᠪᠠᠶᠢᠭ᠎ᠠ ᠡᠷᠬᠢᠯᠡᠨ ᠬᠠᠮᠢᠶᠠᠷᠬᠤ ᠬᠦᠮᠦᠨ ᠪᠤᠶᠤ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠰᠢᠳᠭᠡᠯ ᠦᠭᠬᠦᠨ᠎ᠡ᠄      ︵ᠨᠢᠭᠡ︶ ᠡᠩ ᠤᠨ ᠰᠤᠷᠭᠠᠨ ᠬᠦᠮᠦᠵᠢᠯ ᠬᠦᠷᠳᠡᠬᠦ ᠴᠢᠳᠠᠪᠤᠷᠢ ᠲᠠᠢ ᠰᠤᠷᠭᠠᠭᠤᠯᠢ ᠳᠤ ᠤᠷᠤᠬᠤ ᠨᠠᠰᠤᠨ ᠤ ᠵᠡᠮᠳᠡᠭ ᠭᠡᠤᠭᠡᠳ᠂ ᠪᠠᠭᠠᠴᠤᠳ ᠤᠨ ᠠᠩᠬᠢ ᠲᠠᠭᠠᠵᠦ ᠰᠤᠷᠤᠯᠴᠠᠬᠤ ᠶᠢ ᠬᠦᠯᠢᠶᠡᠵᠦ ᠠᠪᠤᠭᠰᠠᠨ ᠦᠭᠡᠢ︔      ︵ᠬᠤᠶᠠᠷ︶ ᠭᠤᠤᠯᠳᠠᠯᠭᠠᠳᠦ ᠠᠩᠬᠢ ᠪᠠ ᠭᠤᠤᠯᠳᠠᠯᠭᠠᠳᠦ ᠪᠤᠰᠤ ᠠᠩᠬᠢ ᠭᠡᠵᠦ ᠬᠤᠪᠢᠶᠠᠭᠰᠠᠨ︔      ︵ᠭᠤᠷᠪᠠ︶ ᠲᠤᠰ ᠬᠠᠤᠯᠢ ᠶᠢᠨ ᠲᠤᠭᠳᠠᠭᠠᠯ ᠠᠴᠠ ᠵᠦᠷᠢᠴᠡᠵᠦ ᠰᠤᠷᠤᠭᠴᠢ ᠶᠢ ᠰᠤᠷᠭᠠᠭᠤᠯᠢ ᠠᠴᠠ ᠬᠦᠭᠡᠭᠡᠭᠰᠡᠨ︔      ︵ᠲᠦᠷᠪᠡ︶ ᠬᠢᠨᠠᠨ ᠲᠤᠭᠳᠠᠭᠠᠯᠳᠠ ᠬᠢᠭᠰᠡᠨ ᠦᠭᠡᠢ ᠬᠢᠴᠢᠶᠠᠯ ᠤᠨ ᠪᠢᠴᠢᠭ ᠢ ᠰᠤᠩᠭᠤᠨ ᠬᠡᠷᠡᠭᠯᠡᠭᠰᠡᠨ᠃      ᠲᠠᠪᠢᠨ ᠨᠠᠢᠮᠠᠳᠣᠭᠠᠷ ᠵᠦᠢᠯ ᠰᠤᠷᠭᠠᠭᠤᠯᠢ ᠶᠢ ᠤᠷᠤᠬᠤ ᠨᠠᠰᠤᠨ ᠤ ᠭᠡᠤᠭᠡᠳ᠂ ᠪᠠᠭᠠᠴᠤᠳ ᠤᠨ ᠡᠴᠢᠭᠡ ᠡᠭᠡ ᠪᠤᠶᠤ ᠬᠠᠤᠯᠢ ᠪᠠᠷ ᠲᠤᠭᠳᠠᠭᠠᠭᠰᠠᠨ ᠪᠤᠰᠤᠳ ᠬᠢᠨᠠᠨ ᠬᠠᠮᠠᠭᠠᠯᠠᠭᠴᠢ ᠨᠢ ᠵᠦᠢ ᠵᠤᠬᠢᠰᠲᠠᠢ ᠰᠢᠯᠳᠠᠭᠠᠨ ᠦᠭᠡᠢ ᠪᠠᠷ ᠰᠤᠷᠭᠠᠭᠤᠯᠢ ᠳᠤ ᠤᠷᠤᠬᠤ ᠨᠠᠰᠤᠨ ᠤ ᠭᠡᠤᠭᠡᠳ᠂ ᠪᠠᠭᠠᠴᠤᠳ ᠢ ᠲᠤᠰ ᠬᠠᠤᠯᠢ ᠶᠢᠨ ᠲᠤᠭᠳᠠᠭᠠᠯ ᠶᠤᠰᠤᠭᠠᠷ ᠰᠤᠷᠭᠠᠭᠤᠯᠢ ᠳᠤ ᠤᠷᠤᠭᠤᠯᠵᠦ ᠠᠯᠪᠠᠨ ᠵᠢᠷᠦᠮ ᠤᠨ ᠰᠤᠷᠭᠠᠨ ᠬᠦᠮᠦᠵᠢᠯ ᠬᠦᠷᠳᠡᠭᠡᠭᠰᠡᠨ ᠦᠭᠡᠢ ᠪᠠᠶᠢᠪᠠᠯ᠂ ᠲᠤᠬᠠᠢ ᠶᠢᠨ ᠭᠠᠵᠠᠷ ᠤᠨ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠪᠤᠶᠤ ᠰᠢᠶᠠᠨ ᠤ ᠱᠠᠳᠣᠨ ᠤ ᠠᠷᠠᠳ ᠤᠨ ᠵᠠᠰᠠᠭ ᠤᠨ ᠤᠷᠳᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠰᠢᠬᠦᠮᠵᠢᠯᠡᠨ ᠰᠤᠷᠭᠠᠵᠦ᠂ ᠵᠠᠷᠯᠢᠭᠳᠠᠵᠦ ᠪᠠᠶᠢᠭᠠᠳ ᠬᠤᠭᠤᠴᠠᠭ᠎ᠠ ᠲᠤᠭᠳᠠᠭᠠᠨ ᠵᠠᠯᠠᠷᠠᠭᠤᠯᠤᠭᠤᠯᠤᠨ᠎ᠠ᠃      ᠲᠠᠪᠢ ᠶᠢᠰᠦᠳᠤᠭᠡᠷ ᠵᠦᠢᠯ ᠲᠤᠤᠷ᠎ᠡ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠬᠤᠯᠪᠤᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠦᠷᠢᠮ ᠤᠨ ᠲᠤᠭᠳᠠᠭᠠᠯ ᠶᠤᠰᠤᠭᠠᠷ ᠰᠢᠳᠭᠡᠨ᠎ᠡ᠄      ︵ᠨᠢᠭᠡ︶ ᠠᠯᠪᠠᠨ ᠵᠢᠷᠦᠮ ᠤᠨ ᠰᠤᠷᠭᠠᠨ ᠬᠦᠮᠦᠵᠢᠯ ᠬᠦᠷᠳᠡᠬᠦ ᠶᠤᠰᠤᠲᠠᠢ ᠰᠤᠷᠭᠠᠭᠤᠯᠢ ᠳᠤ ᠤᠷᠤᠬᠤ ᠨᠠᠰᠤᠨ ᠤ ᠭᠡᠤᠭᠡᠳ᠂ ᠪᠠᠭᠠᠴᠣᠳ ᠢ ᠠᠯᠪᠠᠳᠠᠨ ᠰᠦᠷᠳᠡᠬᠦᠯᠬᠦ ᠪᠤᠶᠤ ᠬᠠᠭᠤᠷᠤᠨ ᠮᠡᠭᠡᠯᠡᠵᠦ ᠪᠠᠶᠢᠭ᠎ᠠ ᠰᠤᠷᠤᠯᠭ᠎ᠠ ᠶᠢ ᠨᠢ ᠠᠯᠳᠠᠭᠤᠯᠤᠭᠰᠠᠨ ᠡᠰᠡᠬᠦᠯ᠎ᠡ ᠰᠤᠷᠤᠯᠭ᠎ᠠ ᠶᠢ ᠨᠢ ᠲᠤᠷᠭᠤᠨ ᠵᠤᠭᠰᠤᠭᠠᠭᠰᠠᠨ︔      ︵ᠬᠤᠶᠠᠷ︶ ᠠᠯᠪᠠᠨ ᠵᠢᠷᠦᠮ ᠤᠨ ᠰᠤᠷᠭᠠᠨ ᠬᠦᠮᠦᠵᠢᠯ ᠬᠦᠷᠳᠡᠬᠦ ᠶᠤᠰᠤᠲᠠᠢ ᠰᠤᠷᠭᠠᠭᠤᠯᠢ ᠳᠤ ᠤᠷᠤᠬᠤ ᠨᠠᠰᠤᠨ ᠤ ᠭᠡᠤᠭᠡᠳ᠂ ᠪᠠᠭᠠᠴᠤᠳ ᠢ ᠬᠠᠤᠯᠢ ᠪᠤᠰᠤ ᠪᠠᠷ ᠡᠯᠰᠡᠨ ᠬᠡᠷᠡᠭᠯᠡᠭᠰᠡᠨ︔      ︵ᠭᠤᠷᠪᠠ︶ ᠬᠠᠤᠯᠢ ᠶᠤᠰᠤᠭᠠᠷ ᠬᠢᠨᠠᠨ ᠲᠤᠭᠳᠠᠭᠠᠯᠳᠠ ᠬᠢᠯᠭᠡᠭᠰᠡᠨ ᠦᠭᠡᠢ ᠬᠢᠴᠢᠶᠠᠯ ᠤᠨ ᠪᠢᠴᠢᠭ ᠢ ᠬᠡᠪᠯᠡᠬᠦᠯᠦᠭᠰᠡᠨ᠃      ᠵᠢᠷᠠᠳᠤᠭᠠᠷ ᠵᠦᠢᠯ ᠲᠤᠰ ᠬᠠᠤᠯᠢ ᠶᠢᠨ ᠲᠤᠭᠳᠠᠭᠠᠯ ᠢ ᠵᠦᠷᠢᠴᠡᠨ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠡ᠃      ᠨᠠᠢᠮᠠᠳᠤᠭᠠᠷ ᠪᠦᠯᠦᠭ ᠲᠠᠭᠠᠯᠳᠤᠭᠤᠯᠤᠭᠰᠠᠨ ᠲᠦᠷᠢᠮ      ᠵᠢᠷᠠᠨ ᠨᠢᠭᠡᠳᠦᠭᠡᠷ ᠵᠦᠢᠯ ᠠᠯᠪᠠᠨ ᠵᠢᠷᠦᠮ ᠤᠨ ᠰᠣᠷᠭᠠᠨ ᠬᠦᠮᠦᠵᠢᠯ ᠬᠦᠷᠳᠡᠬᠦ ᠰᠤᠷᠭᠠᠭᠤᠯᠢ ᠳᠤ ᠤᠷᠤᠬᠤ ᠨᠠᠰᠤᠨ ᠤ ᠭᠡᠤᠭᠡᠳ᠂ ᠪᠠᠭᠠᠴᠣᠳ ᠠᠴᠠ ᠰᠤᠯᠠ ᠵᠠᠷᠤᠳᠠᠯ ᠦᠯᠦ ᠬᠤᠷᠢᠶᠡᠬᠤ ᠲᠦᠷᠢᠮ ᠢ ᠬᠡᠷᠡᠭᠵᠢᠬᠦᠯᠬᠦ ᠠᠯᠬᠤᠮ ᠲᠠᠷᠠᠭ᠎ᠠ ᠶᠢ ᠲᠦᠷᠦ ᠶᠢᠨ ᠶᠠᠪᠤᠳᠠᠯ ᠤᠨ ᠬᠤᠷᠢᠶ᠎ᠡ ᠠᠴᠠ ᠲᠤᠭᠳᠠᠭᠠᠨ᠎ᠠ᠃      ᠵᠢᠷᠠᠨ ᠬᠤᠶᠠᠳᠤᠭᠠᠷ ᠵᠦᠢᠯ ᠨᠡᠶᠢᠭᠡᠮ ᠤᠨ ᠵᠤᠬᠢᠶᠠᠨ ᠪᠠᠶᠢᠭᠤᠯᠤᠯᠳᠠ ᠪᠤᠶᠤ ᠬᠤᠪᠢ ᠬᠦᠮᠦᠨ ᠤ ᠬᠠᠤᠯᠢ ᠶᠤᠰᠤᠭᠠᠷ ᠡᠷᠬᠢᠯᠡᠭᠰᠡᠨ ᠠᠷᠠᠳ ᠠᠴᠠ ᠡᠷᠬᠢᠯᠡᠭᠰᠡᠨ ᠰᠤᠷᠭᠠᠭᠤᠯᠢ ᠨᠢ ᠠᠯᠪᠠᠨ ᠵᠢᠷᠦᠮ ᠤᠨ ᠰᠤᠷᠭᠠᠨ ᠬᠦᠮᠦᠵᠢᠯ ᠢ ᠬᠡᠷᠡᠭᠵᠢᠬᠦᠯᠵᠦ ᠪᠠᠶᠢᠪᠠᠯ᠂ ᠠᠷᠠᠳ ᠤᠨ ᠡᠷᠬᠢᠯᠡᠭᠰᠡᠨ ᠰᠤᠷᠭᠠᠨ ᠬᠦᠮᠦᠵᠢᠯ ᠢ ᠠᠬᠢᠭᠤᠯᠬᠤ ᠬᠠᠤᠯᠢ ᠶᠢᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠬᠦᠢᠴᠡᠳᠭᠡᠨ᠎ᠡ︔ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠢ ᠠᠬᠢᠭᠤᠯᠬᠤ ᠬᠠᠤᠯᠢ ᠳᠤ ᠲᠤᠭᠳᠠᠭᠠᠯ ᠭᠠᠷᠭᠠᠭᠰᠠᠨ ᠦᠭᠡᠢ ᠪᠠᠶᠢᠪᠠᠯ ᠲᠤᠰ ᠬᠠᠤᠯᠢ ᠶᠢ ᠬᠡᠷᠡᠭᠯᠡᠨ᠎ᠡ᠃      ᠵᠢᠷᠠᠨ ᠭᠤᠷᠪᠠᠳᠤᠭᠠᠷ ᠵᠦᠢᠯ ᠲᠤᠰ ᠬᠠᠤᠯᠢ ᠶᠢ 2006 ᠤᠨ ᠤ 9 ᠳ᠋ᠦ᠋ᠭᠡᠷ ᠰᠠᠷ᠎ᠡ ᠶᠢᠨ 1 ᠤ ᠡᠳᠦᠷ ᠠᠴᠠ ᠡᠬᠢᠯᠡᠵᠦ ᠬᠡᠷᠡᠭᠵᠢᠬᠦᠯᠦᠨ᠎ᠡ᠃
        ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ