| | | ᠰᠤᠷᠪᠤᠯᠵᠢᠯᠠᠭᠰᠠᠨ ᠴᠠᠭ᠄ 2018 ᠣᠨ ᠤ 10 ᠳ᠋ᠤᠭᠠᠷ ᠰᠠᠷ᠎ᠠ ᠶᠢᠨ 26 ᠤ ᠡᠳᠦᠷ ᠤᠨ 15 ᠴᠠᠭ | ᠰᠤᠷᠪᠤᠯᠵᠢᠯᠠᠭ᠎ᠠ ᠬᠦᠯᠢᠶᠡᠭᠴᠢ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠯᠢᠦ ᠯᠢ | ᠵᠢᠤᠸᠠᠨ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ | ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠵᠠᠷᠯᠢᠭ 234 ᠳ᠋ᠦ᠋ᠭᠡᠷ ᠲᠣᠭᠠᠲᠤ︶ ᠶᠢ ᠨᠡᠶᠢᠲᠡᠯᠡᠵᠦ᠂ 2018 ᠣᠨ ᠤ 8 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠪᠡ᠃ ᠡᠨᠡ ᠨᠢ | ᠮᠠᠨ ᠤ ᠣᠷᠣᠨ ᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢ ᠵᠢᠷᠤᠮᠵᠢᠭᠤᠯᠤᠨ᠂ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ | ᠵᠠᠩᠭᠢ ᠶᠢᠨ ᠡᠯᠰᠡᠨ ᠴᠤᠭᠯᠠᠭᠤᠯᠬᠤ ᠪᠠ ᠬᠡᠷᠡᠭᠯᠡᠬᠦ ᠶᠢ ᠠᠬᠢᠭᠤᠯᠵᠤ᠂ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ | ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠪᠠᠶᠢᠳᠠᠭ᠃ ᠥᠨᠥᠳᠥᠷ᠂ ᠪᠢᠳᠡ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠤᠨ ᠳᠡᠳ᠋ ᠡᠷᠬᠢᠯᠡᠭᠴᠢ ᠯᠢᠦ ᠯᠢ ᠵᠢᠤᠸᠠᠨ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ᠶᠢᠨ | ᠰᠤᠷᠪᠤᠯᠵᠢᠯᠠᠭ᠎ᠠ ᠶᠢᠨ ᠪᠤᠯᠤᠩ ᠳᠤ ᠤᠷᠢᠵᠤ᠂ ︽ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ | ᠠᠷᠭ᠎ᠠ︾ ᠶᠢᠨ ᠬᠠᠮᠢᠶ᠎ᠠ ᠪᠦᠬᠦᠢ ᠠᠭᠤᠯᠭ᠎ᠠ ᠶᠢᠨ ᠲᠤᠬᠠᠢ ᠣᠯᠠᠨ ᠲᠠᠢ ᠰᠠᠨᠠᠯ ᠰᠣᠯᠢᠯᠴᠠᠭᠤᠯᠬᠤ ᠪᠣᠯᠣᠯ᠎ᠠ᠃ ᠥᠷᠭᠡᠨ ᠣᠯᠠᠨ ᠰᠦᠯᠵᠢᠶᠡᠨ ᠤ ᠠᠨᠳᠠ ᠶᠢᠨ ᠢᠳᠡᠪᠬᠢᠲᠡᠢ | ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃ | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | ᠬᠥᠲᠥᠯᠥᠭᠴᠢ᠄ | ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︖ ᠲᠤᠰ ᠬᠤᠭᠤᠴᠠᠭᠠᠨ ᠤ ︽ᠳᠤᠮᠳᠠᠳᠤ ᠤᠯᠤᠰ · ᠥᠪᠥᠷ ᠮᠣᠩᠭᠤᠯ︾ ᠰᠦᠯᠵᠢᠶ᠎ᠡ ᠶᠢᠨ | ᠰᠤᠷᠪᠤᠯᠵᠢᠯᠠᠭ᠎ᠠ ᠶᠢᠨ ᠪᠣᠯᠣᠩ ᠢ ᠬᠦᠯᠢᠶᠡᠨ ᠠᠪᠴᠤ ᠦᠵᠡᠬᠦ ᠶᠢ ᠴᠢᠨᠢ ᠪᠠᠶᠠᠷᠯᠠᠨ ᠤᠭᠲᠤᠵᠤ ᠪᠠᠶᠢᠨ᠎ᠠ᠃ ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠠᠴᠠ 234 ᠳ᠋ᠦ᠋ᠭᠡᠷ ᠲᠣᠭᠠᠲᠤ ᠵᠠᠰᠠᠭ ᠤᠨ ᠣᠷᠳᠣᠨ ᠤ ᠵᠠᠷᠯᠢᠭ ᠢᠶᠠᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠬᠠᠮᠢᠶᠠᠷᠤᠯᠲᠠ ᠶᠢᠨ ᠠᠷᠭ᠎ᠠ︾ ᠭᠡᠵᠦ ᠲᠣᠪᠴᠢᠯᠠᠨ᠎ᠠ︶ ᠶᠢ | ᠨᠡᠶᠢᠲᠡᠯᠡᠵᠦ᠂ ᠲᠤᠰ ᠠᠷᠭ᠎ᠠ ᠶᠢ ᠨᠡᠶᠢᠲᠡᠯᠡᠭᠰᠡᠨ ᠨᠢ᠂ ᠡᠭᠦᠨ ᠠᠴᠠ ᠬᠤᠶᠢᠰᠢᠳᠠ ᠶᠢᠨ ᠮᠠᠨ ᠤ ᠣᠷᠣᠨ ᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ | ᠬᠠᠮᠢᠶᠠᠷᠤᠯᠲᠠ ᠶᠢᠨ ᠠᠵᠢᠯ ᠳᠤ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠪᠠᠶᠢᠳᠠᠭ᠃ ᠥᠨᠥᠳᠥᠷ ᠪᠢᠳᠡ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠯᠢᠦ ᠯᠢ ᠵᠢᠤᠸᠠᠨ ᠢ ᠤᠷᠢᠵᠤ᠂ ︽ᠬᠠᠮᠢᠶᠠᠷᠤᠯᠲᠠ ᠶᠢᠨ ᠠᠷᠭ᠎ᠠ︾ ᠶᠢᠨ ᠬᠠᠮᠢᠶ᠎ᠠ ᠪᠦᠬᠦᠢ ᠠᠭᠤᠯᠭ᠎ᠠ ᠶᠢᠨ | ᠲᠤᠬᠠᠢ ᠰᠦᠯᠵᠢᠶ᠎ᠡ ᠪᠠᠷ ᠲᠠᠶᠢᠯᠤᠮᠵᠢ ᠬᠢᠯᠭᠡᠬᠦ ᠪᠣᠯᠣᠯ᠎ᠠ᠃ ᠯᠢᠦ ᠡᠷᠬᠢᠯᠡᠭᠴᠢ ᠶᠢ ᠪᠠᠶᠠᠷᠯᠠᠨ ᠤᠭᠲᠤᠵᠤ ᠪᠠᠶᠢᠨ᠎ᠠ᠃ | ᠯᠢᠦ ᠯᠢ ᠵᠢᠤᠸᠠᠨ᠄ | ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︖ ᠠᠳᠡ ᠰᠦᠯᠵᠢᠶ᠎ᠡ ᠪᠠᠷ ᠣᠯᠠᠨ ᠲᠠᠢ ᠰᠠᠨᠠᠯ ᠰᠣᠯᠢᠯᠴᠠᠬᠤ ᠪᠣᠯᠣᠭᠰᠠᠨ | ᠳᠤ ᠪᠠᠨ ᠰᠡᠳᠬᠢᠯ ᠮᠠᠰᠢ ᠥᠨᠳᠥᠷ ᠪᠠᠶᠢᠨ᠎ᠠ᠃ ᠡᠨᠡ ᠬᠦ ᠲᠣᠬᠢᠶᠠᠯ ᠢ ᠠᠰᠢᠭᠯᠠᠨ᠂ ᠪᠢ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ | ᠰᠢᠰᠲ᠋ᠧᠮᠵᠢ ᠶᠢᠨ ᠪᠠᠶᠢᠭᠤᠯᠤᠯᠲᠠ ᠶᠢᠨ ᠲᠤᠰᠬᠠᠢ ᠠᠵᠢᠯ ᠤᠨ ᠵᠣᠬᠢᠴᠠᠭᠤᠯᠬᠤ ᠠᠯᠪᠠᠨ ᠭᠡᠷ ᠤᠨ ᠡᠮᠦᠨ᠎ᠡ ᠠᠴᠠ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ | ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠶᠡᠷᠦ ᠠᠴᠠ ᠬᠠᠷᠠᠭᠠᠯᠵᠠᠨ ᠳᠡᠮᠵᠢᠭᠰᠡᠭᠡᠷ ᠢᠷᠡᠭᠰᠡᠨ ᠥᠷᠭᠡᠨ ᠣᠯᠠᠨ ᠰᠦᠯᠵᠢᠶᠡᠨ ᠤ ᠠᠨᠳᠠ ᠳᠤ ᠴᠢᠩ | ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠃ | ᠬᠥᠲᠥᠯᠥᠭᠴᠢ᠄ | ᠣᠯᠠᠨ ᠤ ᠮᠡᠳᠡᠭᠡᠵᠢ ᠪᠠᠷ᠂ ᠣᠶᠢᠷ᠎ᠠ ᠶᠢᠨ ᠵᠢᠯ ᠤᠳ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ | ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠭᠰᠡᠨ ᠤ ᠬᠠᠮᠲᠤ᠂ ᠶᠡᠭᠡ | ᠬᠦᠴᠦᠨ ᠢᠶᠠᠷ ᠠᠬᠢᠭᠤᠯᠤᠭᠰᠠᠭᠠᠷ ᠢᠷᠡᠪᠡ᠃ ᠨᠡᠶᠢᠭᠡᠮ ᠤᠨ ᠡᠯ᠎ᠡ ᠡᠲᠡᠭᠡᠳ ᠬᠢᠨ ᠤ ᠬᠠᠮᠲᠤ ᠶᠢᠨ ᠴᠢᠷᠮᠠᠶᠢᠯᠭ᠎ᠠ ᠳᠣᠣᠷ᠎ᠠ᠂ ᠮᠠᠨ ᠤ ᠣᠷᠣᠨ ᠤ ᠨᠡᠶᠢᠭᠡᠮ ᠤᠨ | ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠦᠷᠭᠦᠯᠵᠢᠯᠡᠨ ᠲᠡᠭᠦᠯᠳᠡᠷᠵᠢᠵᠦ᠂ ᠭᠠᠵᠠᠷ ᠣᠷᠣᠨ ᠪᠠ ᠠᠵᠢᠯ ᠲᠥᠷᠥᠯ ᠤᠨ ᠢᠲᠡᠭᠡᠮᠵᠢ ᠶᠢᠨ ᠪᠠᠶᠢᠭᠤᠯᠤᠯᠲᠠ ᠡᠮᠬᠢ | ᠵᠢᠷᠤᠮ ᠲᠠᠢ ᠠᠬᠢᠨ ᠳᠠᠪᠰᠢᠵᠤ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠦᠵᠡᠯ ᠤᠬᠠᠮᠰᠠᠷ ᠪᠠ ᠠᠭᠤᠷ ᠠᠮᠢᠰᠬᠤᠯ ᠨᠡᠶᠢᠳᠡᠮ ᠳᠤ ᠪᠠᠨ ᠴᠢᠩᠭᠠᠷᠠᠨ᠂ ᠮᠠᠨ ᠤ | ᠣᠷᠣᠨ ᠤ ᠵᠠᠬ᠎ᠠ ᠳᠡᠯᠭᠡᠭᠦᠷ ᠤᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠪᠠ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢᠨ ᠤᠯᠠᠮ ᠨᠢᠭᠡ ᠠᠯᠬᠤᠮ ᠳᠡᠭᠡᠭᠰᠢᠯᠡᠬᠦ ᠳᠤ | ᠂ ᠯᠠᠪᠳᠠᠭᠤᠨ ᠪᠠᠲᠤᠲᠠᠢ ᠢᠲᠡᠭᠡᠮᠵᠢ ᠶᠢᠨ ᠰᠠᠭᠤᠷᠢ ᠶᠢ ᠲᠠᠯᠪᠢᠵᠠᠢ᠃ ︽ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠭᠰᠡᠨ ᠨᠢ᠂ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠠᠴᠠ ᠮᠠᠨ ᠤ ᠣᠷᠣᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠲᠠᠯ᠎ᠠ ᠪᠠᠷ ᠠᠪᠤᠭᠰᠠᠨ ︽ᠪᠠᠰᠠ ᠨᠢᠭᠡᠨ ᠴᠢᠩᠭ᠎ᠠ | ᠬᠠᠲᠠᠭᠤ ᠠᠷᠭ᠎ᠠ ᠬᠡᠮᠵᠢᠶ᠎ᠡ︾ ᠪᠣᠯᠣᠨ᠎ᠠ᠃ ᠳᠣᠣᠷ᠎ᠠ ᠯᠢᠦ ᠡᠷᠬᠢᠯᠡᠭᠴᠢ ︽ᠬᠠᠮᠢᠶᠠᠷᠤᠯᠲᠠ ᠶᠢᠨ ᠠᠷᠭ᠎ᠠ︾ ᠶᠢ ᠨᠡᠶᠢᠲᠡᠯᠡᠭᠰᠡᠨ ᠠᠬᠤᠢ ᠪᠠᠶᠢᠳᠠᠯ ᠪᠠ ᠪᠣᠳᠠᠲᠤ ᠠᠴᠢ | ᠬᠤᠯᠪᠣᠭᠳᠠᠯ ᠤᠨ ᠲᠤᠬᠠᠢ ᠥᠷᠭᠡᠨ ᠣᠯᠠᠨ ᠰᠦᠯᠵᠢᠶᠡᠨ ᠤ ᠠᠨᠳᠠ ᠳᠤ ᠳᠥᠭᠦᠮ ᠢᠶᠠᠷ ᠲᠠᠨᠢᠯᠴᠠᠭᠤᠯᠵᠤ ᠥᠭᠭᠦᠨ᠎ᠡ ᠦᠦ︖ | ᠯᠢᠦ ᠯᠢ ᠵᠢᠤᠸᠠᠨ᠄ | ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠪᠣᠯ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ | ᠲᠡᠭᠦᠯᠳᠡᠷᠵᠢᠭᠦᠯᠬᠦ ᠶᠢᠨ ᠰᠠᠭᠤᠷᠢ ᠶᠢᠨ ᠴᠢᠨᠠᠷᠲᠠᠢ ᠢᠨᠵᠧᠨᠧᠷᠢᠩ ᠪᠠᠶᠢᠵᠤ᠂ ᠨᠡᠶᠢᠭᠡᠮ ᠤᠨ ᠵᠠᠰᠠᠯᠲᠠ ᠶᠢᠨ ᠠᠷᠭ᠎ᠠ ᠬᠡᠯᠪᠡᠷᠢ ᠳᠤ ᠰᠢᠨ᠎ᠡ ᠶᠢ ᠡᠭᠦᠳᠴᠦ᠂ ᠵᠠᠰᠠᠭ ᠤᠨ | ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠴᠢᠬᠤᠯᠠ ᠠᠷᠭ᠎ᠠ ᠠᠪᠴᠢᠯ ᠪᠣᠯᠣᠨ᠎ᠠ᠃ ᠢᠲᠡᠭᠡᠮᠵᠢ ᠪᠠᠷ ᠭᠤᠣᠯ ᠪᠣᠯᠭᠠᠭᠰᠠᠨ ᠰᠢᠨ᠎ᠡ ᠬᠡᠯᠪᠡᠷᠢ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠢ ᠪᠠᠶᠢᠭᠤᠯᠬᠤ ᠨᠢ ᠨᠢᠭᠡᠨᠲᠡ ᠮᠠᠨ ᠤ ᠤᠯᠤᠰ ᠤᠨ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ | ᠠᠬᠤᠢ ᠶᠢᠨ ᠪᠠᠶᠢᠭᠤᠯᠤᠯᠲᠠ ᠶᠢᠨ ᠭᠤᠣᠯ ᠴᠢᠭᠯᠡᠯ ᠪᠠ ᠴᠢᠬᠤᠯᠠ ᠠᠭᠤᠯᠭ᠎ᠠ ᠪᠣᠯᠣᠭᠰᠠᠨ ᠶᠤᠮ᠃ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠡᠮᠬᠢᠯᠡᠨ | ᠴᠤᠭᠯᠠᠭᠤᠯᠵᠤ ᠬᠠᠮᠲᠤ ᠳᠤ ᠪᠠᠨ ᠬᠦᠷᠲᠡᠬᠦ ᠪᠣᠯ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠰᠠᠭᠤᠷᠢ ᠪᠣᠯᠣᠨ᠎ᠠ᠃ ᠠᠯᠢ ᠬᠡᠳᠦᠶᠢᠨᠡᠢ ᠠᠴᠠ | ᠨᠠᠭᠠᠰᠢ᠂ ᠮᠠᠨ ᠤ ᠣᠷᠣᠨ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠨᠡᠶᠢᠯᠡᠭᠦᠯᠬᠦ ᠪᠠ ᠬᠡᠷᠡᠭᠯᠡᠬᠦ ᠪᠠᠷ ᠨᠡᠶᠢᠭᠡᠮ ᠤᠨ ᠢᠲᠡᠭᠡᠮᠵᠢ ᠶᠢᠨ | ᠰᠢᠰᠲ᠋ᠧᠮᠵᠢ ᠶᠢᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠠᠵᠢᠯ ᠪᠣᠯᠭᠠᠨ ᠶᠡᠭᠡ ᠬᠦᠴᠦᠨ ᠢᠶᠠᠷ ᠠᠬᠢᠭᠤᠯᠵᠤ᠂ ᠢᠯᠡᠳᠲᠡ ᠦᠷ᠎ᠡ ᠪᠦᠲᠦᠮᠵᠢ ᠣᠯᠪᠠ᠃ | ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠨᠢ ᠨᠢᠭᠡᠨᠲᠡ ᠪᠦᠬᠦ ᠣᠷᠣᠨ ᠤ ᠪᠣᠢ ᠪᠦᠬᠦᠢ 193 | ᠲᠦᠮᠡᠨ ᠵᠠᠬ᠎ᠠ ᠳᠡᠯᠭᠡᠭᠦᠷ ᠤᠨ ᠭᠤᠣᠯ ᠴᠣᠭᠴᠠ᠂ 2.8 ᠲᠦᠮᠡᠨ ᠵᠠᠰᠠᠭ ᠵᠠᠬᠢᠷᠭᠠᠨ ᠤ ᠨᠢᠭᠡᠴᠢ ᠪᠠ ᠠᠵᠢᠯ ᠦᠢᠯᠡᠰ ᠤᠨ ᠨᠢᠭᠡᠴᠢ᠂ 1.37 ᠲᠦᠮᠡᠨ ᠨᠡᠶᠢᠭᠡᠮ ᠤᠨ 365赢多少钱会被限额_国内有真正的365平台吗_365bet博彩官网 | ᠵᠣᠬᠢᠶᠠᠨ ᠪᠠᠶᠢᠭᠤᠯᠤᠯᠲᠠ᠂ 1270 ᠲᠦᠮᠡᠨ ᠪᠠᠶᠢᠭᠠᠯᠢᠯᠢᠭ ᠬᠥᠮᠥᠨ ᠢ ᠴᠤᠭᠯᠠᠭᠤᠯᠤᠨ ᠨᠡᠶᠢᠯᠡᠭᠦᠯᠦᠭᠰᠡᠨ ᠪᠠ ᠪᠦᠬᠦ ᠤᠯᠤᠰ ᠤᠨ ᠪᠠᠷᠤᠭ 1.59 ᠳ᠋ᠦᠩᠰᠢᠭᠤᠷ | ᠵᠤᠷᠪᠤᠰ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠵᠦ᠂ ᠮᠠᠨ ᠤ ᠣᠷᠣᠨ ᠤ ᠢᠲᠡᠭᠡᠮᠵᠢ ᠪᠠᠷ ᠭᠤᠣᠯ ᠪᠣᠯᠭᠠᠭᠰᠠᠨ ᠰᠢᠨ᠎ᠡ ᠬᠡᠯᠪᠡᠷᠢ ᠶᠢᠨ ᠬᠢᠨᠠᠯᠲᠠ | ᠬᠠᠮᠢᠶᠠᠷᠤᠯᠲᠠ ᠶᠢᠨ ᠪᠠᠶᠢᠭᠤᠯᠤᠯ ᠪᠠᠶᠢᠭᠤᠯᠬᠤ ᠶᠢ ᠠᠬᠢᠭᠤᠯᠬᠤ ᠳᠤ ᠯᠠᠪᠳᠠᠭᠤᠨ ᠪᠠᠲᠤᠲᠠᠢ ᠰᠠᠭᠤᠷᠢ ᠶᠢ ᠲᠠᠯᠪᠢᠪᠠ ᠃ ᠮᠠᠨ ᠤ ᠣᠷᠣᠨ ᠤ ᠨᠡᠶᠢᠭᠡᠮ ᠤᠨ | ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠭᠦᠨᠵᠡᠭᠡᠢ ᠥᠷᠨᠢᠬᠦ ᠶᠢ ᠳᠠᠭᠠᠯᠳᠤᠨ ᠂ ᠦᠢᠯᠡᠳᠦᠯᠭᠡ ᠶᠢᠨ ᠳᠤᠮᠳᠠ ᠵᠠᠷᠢᠮ ᠰᠢᠨ᠎ᠡ ᠪᠠᠶᠢᠳᠠᠯ ᠪᠠ ᠠᠰᠠᠭᠤᠳᠠᠯ | ᠢᠯᠡᠷᠡᠪᠡ᠃ ᠵᠢᠱᠢᠶᠡᠯᠡᠪᠡᠯ᠂ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠨᠡᠶᠢᠯᠡᠭᠦᠯᠦᠭᠰᠡᠨ ᠥᠷᠭᠡᠴᠡ ᠪᠠ ᠭᠦᠨᠴᠡ ᠨᠢ ᠭᠦᠢᠴᠡᠳ ᠪᠤᠰᠤ᠂ ᠢᠲᠡᠭᠡᠮᠵᠢ ᠶᠢᠨ | ᠬᠤᠯᠪᠣᠭᠠᠯᠠᠵᠤ ᠱᠠᠩᠨᠠᠨ ᠲᠣᠷᠭᠤᠭᠠᠬᠤ ᠪᠠ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠦᠨᠳᠦᠰᠦᠯᠡᠯ ᠪᠦᠷᠢᠨ ᠪᠤᠰᠤ᠂ ᠮᠡᠳᠡᠭᠡ ᠵᠠᠩᠭᠢ ᠶᠢᠨ ᠭᠤᠣᠯ ᠴᠣᠭᠴᠠ ᠶᠢᠨ | ᠡᠷᠬᠡ ᠠᠰᠢᠭ ᠢ ᠬᠠᠮᠠᠭᠠᠯᠠᠬᠤ ᠠᠷᠭ᠎ᠠ ᠬᠡᠮᠵᠢᠶ᠎ᠡ ᠲᠡᠭᠦᠯᠳᠡᠷ ᠪᠤᠰᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠡᠶᠢᠮᠦ ᠠᠴᠠ᠂ 2017 ᠣᠨ ᠳᠤ ᠥᠪᠡᠷᠲᠡᠭᠡᠨ ᠵᠠᠰᠠᠬᠤ | ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠵᠠᠰᠠᠭ ᠤᠨ ᠣᠷᠳᠣᠨ ᠢ ᠣᠷᠣᠯᠠᠨ ︽ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ | ᠵᠠᠩᠭᠢ ᠶᠢᠨ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠲᠤᠭᠤᠷᠪᠢᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ 2018 ᠣᠨ ᠤ 5 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠭᠦᠯᠵᠦ ᠪᠠᠲᠤᠯᠠᠭᠤᠯᠬᠤ ᠪᠠᠷ ᠳᠠᠮᠵᠢᠨ᠂ ᠡᠨᠡ ᠵᠢᠯ ᠤᠨ 8 ᠳ᠋ᠤᠭᠠᠷ | ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠪᠡ᠃ ︽ᠠᠷᠭ᠎ᠠ︾ ᠳᠤ᠂ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠴᠤᠭᠯᠠᠭᠤᠯᠤᠨ | ᠨᠡᠶᠢᠯᠡᠭᠦᠯᠬᠦ ᠬᠡᠪᠴᠢᠶ᠎ᠡ ᠶᠢ ᠲᠣᠳᠣᠷᠬᠠᠶᠢᠯᠠᠨ᠂ ᠨᠥᠯᠥᠭᠡ ᠰᠠᠶᠢᠲᠠᠢ ᠮᠡᠳᠡᠭᠡ ᠵᠠᠩᠭᠢ ᠪᠠ ᠨᠥᠯᠥᠭᠡ ᠮᠠᠭᠤᠲᠠᠢ ᠮᠡᠳᠡᠭᠡ ᠵᠠᠩᠭᠢ ᠶᠢᠨ ᠲᠥᠯᠥᠪ ᠪᠠᠶᠢᠳᠠᠯ ᠢ ᠵᠢᠭᠰᠠᠭᠠᠵᠤ᠂ | ᠤᠯᠤᠰ ᠤᠨ ᠣᠳᠣ ᠶᠢᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ ᠳᠦᠷᠢᠮ ᠲᠣᠭᠲᠠᠭᠠᠯ ᠢᠶᠠᠷ ᠦᠨᠳᠦᠰᠦᠯᠡᠯ ᠪᠣᠯᠭᠠᠵᠤ ᠢᠲᠡᠭᠡᠮᠵᠢ ᠶᠢᠨ ᠱᠠᠩᠨᠠᠨ ᠲᠣᠷᠭᠤᠭᠠᠬᠤ | ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠭᠰᠠᠨ ᠤ ᠬᠠᠮᠲᠤ᠂ ᠮᠡᠳᠡᠭᠡ ᠵᠠᠩᠭᠢ ᠶᠢᠨ ᠠᠮᠤᠷ ᠲᠦᠪᠰᠢᠨ ᠪᠠ ᠮᠡᠳᠡᠭᠡ ᠵᠠᠩᠭᠢ ᠶᠢᠨ ᠭᠤᠣᠯ ᠴᠣᠭᠴᠠ ᠶᠢᠨ ᠡᠷᠬᠡ ᠠᠰᠢᠭ ᠢ | ᠬᠠᠮᠠᠭᠠᠯᠠᠬᠤ ᠲᠤᠬᠠᠢ ᠲᠣᠭᠲᠠᠭᠠᠯ ᠭᠠᠷᠭᠠᠵᠠᠢ᠃ ︽ᠠᠷᠭ᠎ᠠ︾ ᠶᠢ ᠨᠡᠶᠢᠲᠡᠯᠡᠭᠰᠡᠨ ᠨᠢ ᠪᠦᠬᠦ ᠣᠷᠣᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ | ᠪᠠᠶᠢᠭᠤᠯᠤᠯᠲᠠ ᠶᠢ ᠵᠢᠷᠤᠮᠵᠢᠯ ᠲᠠᠢ ᠪᠥᠭᠡᠳ ᠡᠮᠬᠢ ᠳᠠᠷᠠᠭ᠎ᠠ ᠲᠠᠢ ᠠᠬᠢᠭᠤᠯᠬᠤ ᠳᠤ ᠴᠢᠭᠯᠡᠯ ᠢ ᠵᠢᠭᠠᠨ ᠲᠣᠳᠣᠷᠬᠠᠶᠢᠯᠠᠵᠤ᠂ ᠡᠯ᠎ᠡ ᠭᠠᠵᠠᠷ᠂ ᠡᠯ᠎ᠡ ᠰᠠᠯᠠᠭ᠎ᠠ | ᠮᠥᠴᠢᠷ ᠠᠴᠠ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠥᠷᠨᠢᠭᠦᠯᠬᠦ ᠳᠤ ᠦᠨᠳᠦᠰᠦᠯᠡᠯ ᠬᠠᠩᠭᠠᠨ᠂ ᠢᠲᠡᠭᠡᠮᠵᠢ ᠶᠢᠨ ᠮᠡᠳᠡᠭᠡ ᠵᠠᠩᠭᠢ ᠶᠢ ᠬᠡᠷᠡᠭᠯᠡᠬᠦ ᠶᠢ | ᠥᠷᠭᠡᠨ ᠢᠶᠠᠷ ᠥᠷᠨᠢᠭᠦᠯᠬᠦ ᠳᠤ ᠳᠦᠷᠢᠮ ᠤᠨ ᠰᠠᠭᠤᠷᠢ ᠶᠢ ᠲᠠᠯᠪᠢᠵᠠᠢ᠃ | ᠬᠥᠲᠥᠯᠥᠭᠴᠢ᠄ | ᠮᠠᠰᠢ ᠣᠯᠠᠨ ᠰᠦᠯᠵᠢᠶᠡᠨ ᠤ ᠠᠨᠳᠠ ᠶᠢᠨ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠲᠤᠬᠠᠢ ᠣᠶᠢᠯᠠᠭᠠᠯᠲᠠ ᠨᠢ ᠮᠥᠨ ᠲᠤᠩ ᠪᠠᠯᠠᠷᠬᠠᠢ | ᠪᠠᠶᠢᠵᠤ ᠮᠡᠳᠡᠨ᠎ᠡ ᠃ ︽ᠬᠠᠮᠢᠶᠠᠷᠤᠯᠲᠠ ᠶᠢᠨ ᠠᠷᠭ᠎ᠠ ︾ ᠳᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠤᠬᠠᠭᠳᠠᠬᠤᠨ ᠢ ᠬᠡᠷᠬᠢᠨ ᠵᠠᠭᠠᠭᠯᠠᠨ | ᠲᠣᠭᠲᠠᠭᠠᠭᠰᠠᠨ ᠪᠣᠢ︖ ᠪᠠᠰᠠ ᠶᠠᠮᠠᠷ ᠶᠠᠮᠠᠷ ᠮᠡᠳᠡᠭᠡ ᠵᠠᠩᠭᠢ ᠶᠢ ᠰᠠᠶ᠋ᠢᠬᠠᠨ ᠲᠠᠨ ᠤ ᠳᠤᠷᠠᠳᠤᠭᠰᠠᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ | ᠮᠡᠳᠡᠭᠡ ᠵᠠᠩᠭᠢ ᠶᠢᠨ ᠲᠠᠪᠴᠠᠩ ᠳᠤ ᠣᠷᠣᠭᠤᠯᠤᠭᠰᠠᠨ ᠢ ᠯᠢᠦ ᠡᠷᠬᠢᠯᠡᠭᠴᠢ ᠲᠠᠨᠢᠯᠴᠠᠭᠤᠯᠤᠭᠠᠳ ᠥᠭᠭᠦᠨ᠎ᠡ ᠦᠦ︖ | ᠯᠢᠦ ᠯᠢ ᠵᠢᠤᠸᠠᠨ᠄ | ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠭᠡᠳᠡᠭ ᠪᠣᠯ ᠤᠯᠤᠰ ᠤᠨ ᠪᠠᠶᠢᠭᠤᠯᠭ᠎ᠠ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠠᠴᠠ ᠡᠷᠬᠡ | ᠣᠯᠭᠤᠭᠰᠠᠨ ᠣᠯᠠᠨ ᠨᠡᠶᠢᠲᠡ ᠶᠢᠨ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠪᠦᠬᠦᠢ ᠵᠣᠬᠢᠶᠠᠨ ᠪᠠᠶᠢᠭᠤᠯᠤᠯᠲᠠ ᠪᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ | ᠶᠠᠪᠤᠴᠠ ᠳᠤ ᠪᠦᠷᠢᠯᠳᠦᠭᠰᠡᠨ ᠢᠷᠭᠡᠨ ᠤ ᠬᠡᠷᠡᠭ ᠤᠨ ᠪᠦᠷᠢᠨ ᠠᠵᠢᠯᠯᠠᠭ᠎ᠠ ᠶᠢᠨ ᠴᠢᠳᠠᠪᠤᠷᠢ ᠪᠦᠬᠦᠢ ᠪᠠᠶᠢᠭᠠᠯᠢᠯᠢᠭ ᠬᠥᠮᠥᠨ᠂ ᠬᠠᠤᠯᠢ ᠶᠢᠨ ᠡᠷᠬᠡᠲᠡᠨ ᠪᠠ ᠬᠠᠤᠯᠢ ᠶᠢᠨ | ᠡᠷᠬᠡᠲᠡᠨ ᠤ ᠪᠤᠰᠤ ᠵᠣᠬᠢᠶᠠᠨ ᠪᠠᠶᠢᠭᠤᠯᠤᠯᠲᠠ ᠶᠢᠨ ᠢᠲᠡᠭᠡᠮᠵᠢ ᠶᠢᠨ ᠲᠥᠯᠥᠪ ᠪᠠᠶᠢᠳᠠᠯ ᠢ ᠲᠤᠰᠬᠠᠭᠰᠠᠨ ᠳ᠋ᠠᠶᠢᠲ᠋ᠠ ᠪᠠ ᠮᠠᠲ᠋ᠧᠷᠢᠶᠠᠯ ᠢ ᠵᠢᠭᠠᠵᠤ ᠪᠠᠶᠢᠨ᠎ᠠ᠃ ︽ᠠᠷᠭ᠎ᠠ︾ | ᠳᠤ ᠮᠡᠳᠡᠭᠡ ᠵᠠᠩᠭᠢ ᠶᠢᠨ ᠭᠤᠣᠯ ᠴᠣᠭᠴᠠ ᠶᠢᠨ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠦᠨᠳᠦᠰᠦᠨ ᠮᠡᠳᠡᠭᠡ ᠵᠠᠩᠭᠢ᠂ ᠨᠥᠯᠥᠭᠡ ᠮᠠᠭᠤᠲᠠᠢ | ᠮᠡᠳᠡᠭᠡ ᠵᠠᠩᠭᠢ ᠪᠠ ᠨᠥᠯᠥᠭᠡ ᠰᠠᠶᠢᠲᠠᠢ ᠮᠡᠳᠡᠭᠡ ᠵᠠᠩᠭᠢ ᠵᠡᠷᠭᠡ ᠭᠤᠷᠪᠠᠨ ᠶᠡᠭᠡ ᠲᠥᠷᠥᠯ ᠬᠤᠪᠢᠶᠠᠪᠠ᠃ ᠦᠨᠳᠦᠰᠦᠨ ᠮᠡᠳᠡᠭᠡ ᠵᠠᠩᠭᠢ ᠨᠢ ᠮᠡᠳᠡᠭᠡ ᠵᠠᠩᠭᠢ ᠶᠢᠨ ᠭᠤᠣᠯ | ᠴᠣᠭᠴᠠ ᠶᠢᠨ ᠪᠡᠶ᠎ᠡ ᠭᠠᠷᠤᠯ ᠢ ᠢᠯᠭᠠᠨ ᠲᠣᠳᠣᠯᠠᠵᠤ ᠪᠣᠯᠬᠤ ᠬᠠᠮᠢᠶ᠎ᠠ ᠪᠦᠬᠦᠢ ᠮᠡᠳᠡᠭᠡ ᠵᠠᠩᠭᠢ ᠶᠢ ᠪᠠᠭᠲᠠᠭᠠᠵᠤ ᠪᠠᠶᠢᠨ᠎ᠠ᠂ ᠵᠢᠱᠢᠶᠡᠯᠡᠪᠡᠯ ᠨᠡᠶᠢᠭᠡᠮ ᠤᠨ ᠢᠲᠡᠭᠡᠮᠵᠢ ᠶᠢ | ᠨᠢᠭᠡᠳᠦᠭᠦᠯᠬᠦ ᠣᠷᠣᠯᠠᠬᠤ ᠺᠣᠳ᠋ ᠪᠠ ᠪᠡᠶ᠎ᠡ ᠶᠢᠨ ᠦᠨᠡᠮᠯᠡᠯ ᠤᠨ ᠨᠣᠮᠧᠷ ᠪᠣᠯᠣᠨ᠎ᠠ︔ ᠨᠥᠯᠥᠭᠡ ᠮᠠᠭᠤᠲᠠᠢ ᠮᠡᠳᠡᠭᠡ ᠵᠠᠩᠭᠢ ᠨᠢ ᠡᠯ᠎ᠡ ᠰᠠᠯᠠᠭ᠎ᠠ ᠮᠥᠴᠢᠷ ᠤᠨ ᠬᠢᠨ ᠤ | ᠲᠣᠭᠲᠠᠭᠠᠭᠰᠠᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠵᠡᠷᠭᠡ 12 ᠲᠥᠷᠥᠯ ᠤᠨ ᠮᠡᠳᠡᠭᠡ ᠵᠠᠩᠭᠢ ᠶᠢ ᠪᠠᠭᠲᠠᠭᠠᠨ᠎ᠠ︔ ᠨᠥᠯᠥᠭᠡ ᠰᠠᠶᠢᠲᠠᠢ ᠮᠡᠳᠡᠭᠡ ᠵᠠᠩᠭᠢ ᠨᠢ | ᠬᠤᠲᠠ ᠶᠢᠨ ᠱᠠᠲᠤᠨ ᠠᠴᠠ ᠳᠡᠭᠡᠭᠰᠢᠬᠢ ᠤᠯᠤᠰ ᠤᠨ ᠪᠠᠶᠢᠭᠤᠯᠭ᠎ᠠ ᠶᠢᠨ ᠬᠢᠨ ᠤ ᠲᠣᠭᠲᠠᠭᠠᠭᠰᠠᠨ ᠡᠯ᠎ᠡ ᠲᠥᠷᠥᠯ ᠤᠨ ᠱᠠᠩᠨᠠᠯ ᠬᠥᠬᠢᠭᠦᠯᠦᠯ ᠵᠡᠷᠭᠡ 9 ᠲᠥᠷᠥᠯ ᠤᠨ | ᠮᠡᠳᠡᠭᠡ ᠵᠠᠩᠭᠢ ᠶᠢ ᠪᠠᠭᠲᠠᠭᠠᠵᠤ ᠪᠠᠶᠢᠨ᠎ᠠ᠃ | ᠬᠥᠲᠥᠯᠥᠭᠴᠢ᠄ | ︽ᠬᠠᠮᠢᠶᠠᠷᠤᠯᠲᠠ ᠶᠢᠨ ᠠᠷᠭ᠎ᠠ︾ ᠳᠤ᠂ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠨᠡᠶᠢᠲᠡᠯᠡᠬᠦ ᠠᠰᠠᠭᠤᠳᠠᠯ ᠳᠤ ᠬᠤᠯᠪᠣᠭᠳᠠᠵᠤ ᠪᠠᠶᠢᠬᠤ ᠶᠢ | ᠪᠢᠳᠡ ᠠᠩᠬᠠᠷᠴᠤ ᠮᠡᠳᠡᠪᠡ᠃ ᠲᠡᠭᠡᠪᠡᠯ ᠮᠡᠳᠡᠭᠡ ᠵᠠᠩᠭᠢ ᠶᠢ ᠬᠡᠷᠬᠢᠨ ᠢᠯᠡ ᠪᠠᠶᠢᠯᠭᠠᠬᠤ᠂ ᠶᠠᠮᠠᠷ ᠬᠡᠮᠵᠢᠶ᠎ᠡ ᠬᠦᠷᠲᠡᠯ᠎ᠡ ᠢᠯᠡ ᠪᠠᠶᠢᠯᠭᠠᠬᠤ᠂ ᠬᠥᠮᠥᠨ ᠪᠣᠯᠭᠠᠨ ᠬᠤᠪᠢ | ᠬᠥᠮᠥᠨ ᠪᠤᠶᠤ ᠠᠵᠤ ᠠᠬᠤᠶᠢᠯᠠᠯ ᠤᠨ ᠮᠡᠳᠡᠭᠡ ᠵᠠᠩᠭᠢ ᠶᠢ ᠳᠤᠷ᠎ᠠ ᠪᠠᠷ ᠢᠶᠠᠨ ᠬᠠᠶᠢᠨ ᠯᠠᠪᠯᠠᠵᠤ ᠪᠣᠯᠣᠨ᠎ᠠ ᠦᠦ︖ | ᠯᠢᠦ ᠯᠢ ᠵᠢᠤᠸᠠᠨ᠄ | ︽ᠠᠷᠭ᠎ᠠ︾ ᠳᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠶᠢᠨ ᠯᠠᠪᠯᠠᠵᠤ ᠬᠡᠷᠡᠭᠯᠡᠬᠦ ᠳᠤ ᠴᠢᠩᠭ᠎ᠠ ᠲᠣᠭᠲᠠᠭᠠᠯ ᠭᠠᠷᠭᠠᠪᠠ᠄ ᠢᠯᠡ | ᠪᠠᠶᠢᠯᠭᠠᠬᠤ ᠮᠡᠳᠡᠭᠡ ᠵᠠᠩᠭᠢ ᠶᠢᠨ ᠲᠤᠬᠠᠢ᠂ ᠨᠡᠶᠢᠭᠡᠮ ᠤᠨ ᠲᠦᠮᠡᠨ ᠣᠯᠠᠨ ᠢᠶᠠᠷ ᠢᠶᠠᠨ ᠦᠢᠯᠡᠴᠢᠯᠡᠭᠡ ᠶᠢᠨ ᠴᠣᠩᠬᠤᠪᠴᠢ᠂ ᠲᠠᠪᠴᠠᠩ ᠤᠨ ᠰᠦᠯᠵᠢᠶ᠎ᠡ᠂ ᠰᠢᠯᠵᠢᠭᠡ | ᠲᠡᠭᠦᠰᠬᠡᠯ ᠤᠨ ᠦᠵᠦᠭᠦᠷ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠬᠠᠶᠢᠨ ᠯᠠᠪᠯᠠᠵᠤ ᠪᠣᠯᠣᠨ᠎ᠠ︔ ᠥᠯᠥ ᠢᠯᠡ ᠪᠠᠶᠢᠯᠭᠠᠬᠤ ᠮᠡᠳᠡᠭᠡ ᠵᠠᠩᠭᠢ ᠶᠢᠨ ᠲᠤᠬᠠᠢ᠂ ᠮᠡᠳᠡᠭᠡ | ᠵᠠᠩᠭᠢ ᠶᠢᠨ ᠭᠤᠣᠯ ᠴᠣᠭᠴᠠ ᠠᠴᠠ ᠬᠤᠪᠢ ᠬᠥᠮᠥᠨ ᠤ ᠬᠦᠴᠦᠨ ᠪᠦᠬᠦᠢ ᠪᠡᠶ᠎ᠡ ᠶᠢᠨ ᠭᠡᠷᠡᠴᠢ ᠪᠠ ᠪᠢᠴᠢᠭ ᠤᠨ ᠬᠡᠯᠪᠡᠷᠢ ᠪᠠᠷ ᠡᠷᠬᠡ ᠣᠯᠭᠤᠭᠰᠠᠨ ᠵᠡᠷᠭᠡ ᠭᠡᠷᠡᠴᠢ ᠪᠠᠨ | ᠬᠠᠩᠭᠠᠵᠤ ᠪᠠᠶᠢᠭᠠᠳ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠦᠢᠯᠡᠴᠢᠯᠡᠭᠡ ᠶᠢᠨ ᠪᠠᠶᠢᠭᠤᠯᠤᠮᠵᠢ ᠳᠤ ᠬᠠᠶᠢᠨ ᠯᠠᠪᠯᠠᠬᠤ ᠭᠤᠶᠤᠴᠢᠯᠠᠯ ᠭᠠᠷᠭᠠᠨ᠎ᠠ᠃ | ᠬᠥᠲᠥᠯᠥᠭᠴᠢ᠄ | ᠮᠠᠨ ᠤ ᠣᠶᠢᠯᠠᠭᠠᠭᠰᠠᠨ ᠢᠶᠠᠷ᠂ ︽ᠬᠠᠮᠢᠶᠠᠷᠤᠯᠲᠠ ᠶᠢᠨ ᠠᠷᠭ᠎ᠠ︾ ᠶᠢᠨ ᠱᠠᠭᠠᠷᠳᠠᠯᠭ᠎ᠠ ᠶᠣᠰᠣᠭᠠᠷ᠂ ᠢᠲᠡᠭᠡᠮᠵᠢ ᠶᠢᠨ ᠲᠥᠯᠥᠪ ᠪᠠᠶᠢᠳᠠᠯ ᠤᠨ ᠰᠠᠶᠢᠨ ᠮᠠᠭᠤ ᠶᠢ 365赢多少钱会被限额_国内有真正的365平台吗_365bet博彩官网 | ᠦᠨᠳᠦᠰᠦᠯᠡᠨ ᠮᠡᠳᠡᠭᠡ ᠵᠠᠩᠭᠢ ᠶᠢᠨ ᠭᠤᠣᠯ ᠴᠣᠭᠴᠠ ᠳᠤ ᠠᠳᠠᠯᠢ ᠪᠤᠰᠤ ᠶᠢᠨ ᠱᠠᠩᠨᠠᠨ ᠲᠣᠷᠭᠤᠭᠠᠬᠤ ᠠᠷᠭ᠎ᠠ ᠬᠡᠮᠵᠢᠶ᠎ᠡ ᠠᠪᠳᠠᠭ᠃ ᠲᠡᠭᠡᠪᠡᠯ ᠪᠣᠳᠠᠲᠤ ᠪᠠᠶᠢᠳᠠᠯ ᠳᠤ | ᠬᠡᠷᠬᠢᠨ ᠭᠦᠢᠴᠡᠳᠬᠡᠵᠦ ᠪᠠᠶᠢᠬᠤ ᠶᠢ ᠯᠢᠦ ᠡᠷᠬᠢᠯᠡᠭᠴᠢ ᠲᠠ ᠲᠠᠨᠢᠯᠴᠠᠭᠤᠯᠤᠭᠠᠳ ᠥᠭᠭᠦᠨ᠎ᠡ ᠦᠦ︖ | ᠯᠢᠦ ᠯᠢ ᠵᠢᠤᠸᠠᠨ᠄ | ᠢᠲᠡᠭᠡᠮᠵᠢ ᠶᠢ ᠪᠠᠷᠢᠮᠲᠠᠯᠠᠭᠰᠠᠳ ᠢ ᠬᠤᠯᠪᠣᠭᠠᠯᠠᠵᠤ ᠤᠷᠮᠠᠰᠢᠭᠤᠯᠤᠨ ᠵᠣᠷᠢᠭᠵᠢᠭᠤᠯᠬᠤ ᠪᠠ ᠢᠲᠡᠭᠡᠮᠵᠢ ᠠᠯᠳᠠᠭᠰᠠᠳ ᠢ ᠬᠤᠯᠪᠣᠭᠠᠯᠠᠵᠤ ᠵᠠᠯᠬᠠᠭᠠᠨ ᠴᠡᠭᠡᠷᠯᠡᠭᠦᠯᠬᠦ | ᠲᠣᠭᠲᠠᠴᠠ ᠪᠣᠯ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠭᠤᠣᠯᠯᠠᠬᠤ ᠲᠣᠭᠲᠠᠴᠠ ᠪᠣᠯᠣᠨ᠎ᠠ᠃ ᠤᠯᠤᠰ ᠪᠠ ᠥᠪᠡᠷᠲᠡᠭᠡᠨ ᠵᠠᠰᠠᠬᠤ | ᠣᠷᠣᠨ ᠤ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ︽ᠠᠷᠭ᠎ᠠ︾ ᠶᠢᠨ ᠭᠤᠴᠢᠳᠤᠭᠠᠷ ᠵᠦᠢᠯ ᠳᠤ᠂ ᠢᠲᠡᠭᠡᠮᠵᠢ ᠶᠢᠨ ᠲᠥᠯᠥᠪ ᠪᠠᠶᠢᠳᠠᠯ ᠢᠶᠠᠷ ᠰᠠᠶᠢᠲᠠᠢ | ᠮᠡᠳᠡᠭᠡ ᠵᠠᠩᠭᠢ ᠶᠢᠨ ᠭᠤᠣᠯ ᠴᠣᠭᠴᠠ ᠳᠤ᠂ ᠤᠯᠤᠰ ᠤᠨ ᠪᠠᠶᠢᠭᠤᠯᠭ᠎ᠠ ᠠᠴᠠ ᠵᠠᠰᠠᠭ ᠵᠠᠬᠢᠷᠭᠠᠨ ᠤ ᠵᠥᠪᠰᠢᠶᠡᠷᠡᠯ᠂ ᠲᠥᠷᠥᠯ ᠵᠦᠢᠯ ᠤᠨ ᠬᠢᠨᠠᠯᠲᠠ ᠵᠥᠪᠰᠢᠶᠡᠷᠡᠯ᠂ | ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠭᠡᠬᠦ ᠮᠡᠲᠦ ᠶᠢᠨ ᠠᠵᠢᠯᠯᠠᠭᠠᠨ ᠳᠤ᠂ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢᠶᠠᠷ ᠦᠨᠳᠦᠰᠦᠯᠡᠯ | ᠪᠣᠯᠭᠠᠵᠤ᠂ ᠲᠡᠭᠦᠨ ᠳᠤ ᠤᠷᠢᠳ ᠢᠶᠠᠷ ᠭᠦᠢᠴᠡᠳᠬᠡᠬᠦ᠂ ᠬᠠᠷᠠᠭᠠᠯᠵᠠᠯ ᠦᠵᠡᠭᠦᠯᠬᠦ ᠵᠡᠷᠭᠡ ᠣᠯᠠᠨ ᠵᠦᠢᠯ ᠤᠨ ᠤᠷᠮᠠᠰᠢᠭᠤᠯᠤᠨ ᠵᠣᠷᠢᠭᠵᠢᠭᠤᠯᠬᠤ ᠠᠷᠭ᠎ᠠ ᠬᠡᠮᠵᠢᠶ᠎ᠡ | ᠠᠪᠤᠨ᠎ᠠ ᠭᠡᠵᠦ ᠲᠣᠭᠲᠠᠭᠠᠪᠠ︔ ︽ᠠᠷᠭ᠎ᠠ︾ ᠶᠢᠨ ᠭᠤᠴᠢᠨ ᠨᠢᠭᠡᠳᠦᠭᠡᠷ ᠵᠦᠢᠯ ᠳᠤ᠂ ᠢᠲᠡᠭᠡᠮᠵᠢ ᠶᠢᠨ ᠲᠥᠯᠥᠪ ᠪᠠᠶᠢᠳᠠᠯ ᠢᠶᠠᠷ ᠮᠠᠭᠤᠲᠠᠢ ᠮᠡᠳᠡᠭᠡ ᠵᠠᠩᠭᠢ ᠶᠢᠨ | ᠭᠤᠣᠯ ᠴᠣᠭᠴᠠ ᠳᠤ᠂ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠡᠳᠦᠷ ᠲᠤᠲᠤᠮ ᠤᠨ ᠬᠢᠨᠠᠯᠲᠠ ᠲᠠᠯᠪᠢᠯᠲᠠ ᠪᠠ ᠪᠠᠶᠢᠴᠠᠭᠠᠯᠲᠠ ᠳᠤ᠂ ᠲᠡᠭᠦᠨ ᠳᠤ ᠭᠤᠣᠯᠳᠠᠯᠭ᠎ᠠ ᠲᠠᠢ | ᠬᠢᠨᠠᠯᠲᠠ ᠲᠠᠯᠪᠢᠵᠤ ᠬᠠᠮᠢᠶᠠᠷᠬᠤ᠂ ᠪᠠᠶᠢᠴᠠᠭᠠᠯᠲᠠ ᠬᠢᠬᠦ ᠤᠳᠠᠭ᠎ᠠ ᠶᠢ ᠨᠢ ᠨᠡᠮᠡᠭᠳᠡᠭᠦᠯᠬᠦ᠂ ᠨᠢᠭᠡᠨᠲᠡ ᠬᠦᠷᠲᠡᠭᠰᠡᠨ ᠵᠠᠰᠠᠭ ᠵᠠᠬᠢᠷᠭᠠᠨ ᠤ ᠲᠠᠯ᠎ᠠ ᠪᠠᠷ ᠳᠥᠭᠦᠮ ᠦᠵᠡᠭᠦᠯᠬᠦ | ᠠᠷᠭ᠎ᠠ ᠬᠡᠮᠵᠢᠶ᠎ᠡ ᠶᠢ ᠨᠢ ᠬᠦᠴᠦᠨ ᠦᠭᠡᠢ ᠪᠣᠯᠭᠠᠬᠤ ᠵᠡᠷᠭᠡ ᠣᠯᠠᠨ ᠵᠦᠢᠯ ᠤᠨ ᠵᠠᠯᠬᠠᠭᠠᠨ ᠰᠢᠢᠳᠬᠡᠬᠦ ᠠᠷᠭ᠎ᠠ ᠬᠡᠮᠵᠢᠶ᠎ᠡ ᠠᠪᠤᠨ᠎ᠠ ᠭᠡᠵᠦ ᠲᠣᠭᠲᠠᠭᠠᠪᠠ᠃ ︽ᠠᠷᠭ᠎ᠠ︾ | ᠶᠢᠨ ᠭᠤᠴᠢᠨ ᠬᠤᠶᠠᠳᠤᠭᠠᠷ ᠵᠦᠢᠯ ᠳᠤ᠂ ᠬᠠᠮᠢᠶ᠎ᠠ ᠪᠦᠬᠦᠢ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠦᠨᠳᠦ ᠨᠣᠴᠢᠲᠠᠢ ᠢᠲᠡᠭᠡᠮᠵᠢ | ᠠᠯᠳᠠᠭᠰᠠᠨ ᠨᠡᠷᠡᠰ ᠲᠤ ᠵᠢᠭᠰᠠᠭᠠᠭᠳᠠᠭᠰᠠᠨ ᠮᠡᠳᠡᠭᠡ ᠵᠠᠩᠭᠢ ᠶᠢᠨ ᠭᠤᠣᠯ ᠴᠣᠭᠴᠠ ᠳᠤ᠂ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠲᠡᠭᠦᠨ ᠳᠤ ᠵᠠᠬ᠎ᠠ ᠳᠡᠯᠭᠡᠭᠦᠷ ᠪᠠ | ᠠᠵᠢᠯ ᠲᠥᠷᠥᠯ ᠳᠤ ᠣᠷᠣᠬᠤ ᠶᠢ ᠨᠢ ᠴᠠᠭᠠᠵᠠᠯᠠᠬᠤ ᠶᠢ ᠪᠠᠭᠲᠠᠭᠠᠭᠰᠠᠨ᠂ ᠰᠢᠨ᠎ᠡ ᠪᠠᠷ ᠨᠡᠮᠡᠭᠰᠡᠨ ᠲᠥᠷᠥᠯ ᠵᠦᠢᠯ ᠢ ᠨᠢ ᠬᠢᠨᠠᠨ ᠵᠥᠪᠰᠢᠶᠡᠷᠡᠬᠦ ᠪᠠ ᠬᠠᠷᠭᠤᠭᠤᠯᠤᠨ | ᠵᠥᠪᠰᠢᠶᠡᠷᠡᠬᠦ ᠶᠢ ᠬᠢᠵᠠᠭᠠᠷᠯᠠᠬᠤ ᠵᠡᠷᠭᠡ ᠣᠯᠠᠨ ᠵᠦᠢᠯ ᠤᠨ ᠵᠠᠯᠬᠠᠭᠠᠨ ᠰᠢᠢᠳᠬᠡᠬᠦ ᠠᠷᠭ᠎ᠠ ᠬᠡᠮᠵᠢᠶ᠎ᠡ ᠠᠪᠤᠨ᠎ᠠ ᠭᠡᠵᠦ ᠲᠣᠭᠲᠠᠭᠠᠵᠠᠢ᠃ | ᠬᠥᠲᠥᠯᠥᠭᠴᠢ᠄ | ︽ᠬᠠᠮᠢᠶᠠᠷᠤᠯᠲᠠ ᠶᠢᠨ ᠠᠷᠭ᠎ᠠ︾ ᠳᠤ ᠪᠠᠰᠠ ᠮᠡᠳᠡᠭᠡ ᠵᠠᠩᠭᠢ ᠶᠢᠨ ᠭᠤᠣᠯ ᠴᠣᠭᠴᠠ ᠶᠢᠨ ᠡᠷᠬᠡ ᠠᠰᠢᠭ ᠢ ᠬᠠᠮᠠᠭᠠᠯᠠᠬᠤ ᠠᠰᠠᠭᠤᠳᠠᠯ ᠢ ᠳᠤᠷᠠᠳᠴᠠᠢ᠃ ᠡᠨᠡ | ᠲᠠᠯ᠎ᠠ ᠪᠠᠷ᠂ ᠪᠢᠳᠡᠨ ᠳᠤ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠪᠠᠶᠢᠬᠤ ᠪᠣᠢ︖ | ᠯᠢᠦ ᠯᠢ ᠵᠢᠤᠸᠠᠨ᠄ | ︽ᠠᠷᠭ᠎ᠠ︾ ᠳᠤ ᠳᠥᠷᠪᠡᠨ ᠲᠠᠯ᠎ᠠ ᠪᠠᠷ ᠮᠡᠳᠡᠭᠡ ᠵᠠᠩᠭᠢ ᠶᠢᠨ ᠭᠤᠣᠯ ᠴᠣᠭᠴᠠ ᠶᠢᠨ ᠡᠷᠬᠡ ᠠᠰᠢᠭ ᠢ ᠬᠠᠮᠠᠭᠠᠯᠠᠬᠤ ᠲᠤᠬᠠᠢ ᠪᠣᠳᠠᠲᠠᠢ ᠲᠣᠭᠲᠠᠭᠠᠯ ᠭᠠᠷᠭᠠᠪᠠ᠃ | ᠨᠢᠭᠡ ᠳᠤ᠂ ᠠᠷᠪᠠᠨ ᠨᠠᠢᠮᠠᠳᠤᠭᠠᠷ ᠵᠦᠢᠯ ᠳᠤ᠂ ᠴᠤᠭᠯᠠᠭᠤᠯᠤᠨ ᠨᠡᠶᠢᠯᠡᠭᠦᠯᠬᠦ ᠶᠢ ᠬᠢᠵᠠᠭᠠᠷᠯᠠᠭᠰᠠᠨ ᠪᠠᠶᠢᠭᠠᠯᠢᠯᠢᠭ ᠬᠥᠮᠥᠨ ᠤ ᠬᠠᠮᠢᠶ᠎ᠠ ᠪᠦᠬᠦᠢ ᠮᠡᠳᠡᠭᠡ ᠵᠠᠩᠭᠢ ᠶᠢ | ᠲᠣᠳᠣᠷᠬᠠᠶᠢᠯᠠᠪᠠ︔ ᠬᠤᠶᠠᠷ ᠲᠤ᠂ ᠭᠤᠴᠢᠨ ᠵᠢᠷᠭᠤᠳᠤᠭᠠᠷ ᠵᠦᠢᠯ ᠳᠤ᠂ ᠨᠥᠯᠥᠭᠡ ᠮᠠᠭᠤᠲᠠᠢ ᠮᠡᠳᠡᠭᠡ ᠵᠠᠩᠭᠢ ᠶᠢ ᠨᠡᠶᠢᠲᠡᠯᠡᠬᠦ ᠬᠤᠭᠤᠴᠠᠭᠠᠨ ᠤ ᠬᠢᠵᠠᠭᠠᠷᠯᠠᠯ ᠢ | ᠲᠣᠳᠣᠷᠬᠠᠶᠢᠯᠠᠪᠠ︔ ᠭᠤᠷᠪᠠ ᠳᠤ᠂ ᠭᠤᠴᠢᠨ ᠳᠣᠯᠣᠳᠤᠭᠠᠷ ᠵᠦᠢᠯ ᠳᠤ᠂ ᠮᠡᠳᠡᠭᠡ ᠵᠠᠩᠭᠢ ᠶᠢᠨ ᠭᠤᠣᠯ ᠴᠣᠭᠴᠠ ᠠᠴᠠ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠪᠠᠨ ᠰᠠᠨᠠᠭᠠᠴᠢᠯᠠᠭ᠎ᠠ ᠠᠴᠠ ᠪᠠᠨ ᠵᠠᠰᠠᠨ ᠵᠠᠯᠠᠷᠠᠭᠤᠯᠵᠤ᠂ ᠮᠠᠭᠤ ᠨᠥᠯᠥᠭᠡ ᠪᠠᠨ ᠦᠭᠡᠶᠢᠰᠬᠡᠬᠦ ᠦᠶ᠎ᠡ ᠳᠤ᠂ ᠢᠲᠡᠭᠡᠮᠵᠢ ᠪᠠᠨ ᠵᠠᠰᠠᠨ ᠰᠡᠷᠭᠦᠭᠡᠬᠦ ᠪᠠᠷ | ᠭᠤᠶᠤᠴᠢᠯᠠᠬᠤ ᠳᠡᠰ ᠳᠠᠷᠠᠭᠠᠯᠠᠯ ᠢ ᠲᠣᠳᠣᠷᠬᠠᠶᠢᠯᠠᠪᠠ︔ ᠳᠥᠷᠪᠡ ᠳᠤ᠂ ᠭᠤᠴᠢᠨ ᠨᠠᠢᠮᠠᠳᠤᠭᠠᠷ ᠵᠦᠢᠯ ᠳᠤ᠂ ᠮᠡᠳᠡᠭᠡ ᠵᠠᠩᠭᠢ ᠶᠢᠨ ᠭᠤᠣᠯ ᠴᠣᠭᠴᠠ ᠠᠴᠠ | ᠨᠡᠶᠢᠭᠡᠮ ᠤᠨ ᠢᠲᠡᠭᠡᠮᠵᠢ ᠶᠢᠨ ᠲᠠᠪᠴᠠᠩ ᠳᠤ ᠲᠡᠮᠳᠡᠭᠯᠡᠭᠰᠡᠨ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠨᠢ ᠪᠣᠳᠠᠲᠤ ᠪᠠᠶᠢᠳᠠᠯ ᠲᠠᠢ ᠥᠯᠥ ᠨᠡᠶᠢᠴᠡᠬᠦ᠂ | ᠣᠷᠬᠢᠭᠳᠠᠭᠰᠠᠨ ᠪᠠ ᠪᠤᠷᠤᠭᠤᠳᠠᠭᠰᠠᠨ ᠠᠰᠠᠭᠤᠳᠠᠯ ᠣᠷᠣᠰᠢᠬᠤ ᠪᠠᠶᠢᠬᠤ᠂ ᠬᠠᠤᠯᠢ ᠶᠣᠰᠣᠭᠠᠷ ᠥᠯᠥ ᠢᠯᠡ ᠪᠠᠶᠢᠯᠭᠠᠪᠠᠰᠤ ᠵᠣᠬᠢᠬᠤ ᠦᠶ᠎ᠡ ᠳᠤ᠂ ᠣᠨᠳᠣᠣ ᠰᠠᠨᠠᠯ | ᠭᠠᠷᠭᠠᠨ ᠭᠤᠶᠤᠴᠢᠯᠠᠬᠤ ᠪᠠ ᠳᠠᠪᠲᠠᠨ ᠬᠠᠷᠭᠤᠭᠤᠯᠬᠤ ᠳᠡᠰ ᠳᠠᠷᠠᠭᠠᠯᠠᠯ ᠢ ᠲᠣᠳᠣᠷᠬᠠᠶᠢᠯᠠᠵᠠᠢ᠃ | ᠬᠥᠲᠥᠯᠥᠭᠴᠢ᠄ | ᠰᠠᠶ᠋ᠢᠬᠠᠨ ᠲᠠᠨ ᠤ ᠲᠠᠨᠢᠯᠴᠠᠭᠤᠯᠬᠤ ᠪᠠᠷ ᠳᠠᠮᠵᠢᠭᠤᠯᠤᠨ ᠂ ︽ᠬᠠᠮᠢᠶᠠᠷᠤᠯᠲᠠ ᠶᠢᠨ ᠠᠷᠭ᠎ᠠ ︾ ᠶᠢᠨ ᠲᠤᠬᠠᠢ ᠪᠢᠳᠡ ᠦᠨᠳᠦᠰᠦᠨ ᠣᠶᠢᠯᠠᠭᠠᠯᠲᠠ ᠲᠠᠢ | ᠪᠣᠯᠪᠠ ᠃ ᠳᠠᠬᠢᠨ ᠠᠰᠠᠭᠤᠬᠤ ᠰᠠᠨᠠᠭ᠎ᠠ ᠲᠠᠢ ᠵᠦᠢᠯ ᠭᠡᠪᠡᠯ᠂ ᠣᠳᠣᠬᠠᠨ ᠳᠤ᠂ ᠮᠠᠨ ᠤ ᠣᠷᠣᠨ ᠠᠴᠠ ᠶᠠᠮᠠᠷ ᠶᠠᠮᠠᠷ ᠬᠦᠷᠢᠶ᠎ᠡ ᠴᠠᠷᠠᠭᠠᠨ ᠳᠤ ᠣᠯᠠᠨ ᠨᠡᠶᠢᠲᠡ ᠶᠢᠨ | ᠢᠲᠡᠭᠡᠮᠵᠢ ᠶᠢᠨ ᠮᠡᠳᠡᠭᠡ ᠵᠠᠩᠭᠢ ᠶᠢ ᠬᠡᠷᠡᠭᠯᠡᠬᠦ ᠶᠢ ᠥᠷᠨᠢᠭᠦᠯᠦᠭᠰᠡᠨ ᠪᠣᠢ︖ | ᠯᠢᠦ ᠯᠢ ᠵᠢᠤᠸᠠᠨ᠄ | 2016 ᠣᠨ ᠠᠴᠠ ᠡᠬᠢᠯᠡᠵᠦ᠂ ᠮᠠᠨ ᠤ ᠣᠷᠣᠨ ᠠᠴᠠ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠲᠥᠷᠥᠯ ᠵᠦᠢᠯ ᠤᠨ ᠬᠢᠨᠠᠯᠲᠠ ᠵᠥᠪᠰᠢᠶᠡᠷᠡᠯ | ᠂ ᠭᠠᠶᠢᠯᠢ ᠲᠠᠲᠠᠪᠤᠷᠢ ᠶᠢᠨ ᠬᠠᠮᠢᠶᠠᠷᠤᠯᠲᠠ᠂ ᠵᠠᠰᠠᠭ ᠤᠨ ᠣᠷᠣᠨ ᠠᠴᠠ ᠬᠤᠳᠠᠯᠳᠤᠨ ᠠᠪᠬᠤ ᠵᠡᠷᠭᠡ ᠬᠦᠷᠢᠶ᠎ᠡ ᠴᠠᠷᠠᠭᠠᠨ ᠳᠤ ᠬᠡᠷᠡᠭᠯᠡᠬᠦ ᠶᠢ ᠶᠡᠭᠡ ᠬᠦᠴᠦᠨ ᠢᠶᠠᠷ | ᠠᠬᠢᠭᠤᠯᠪᠠ᠃ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠨᠢ ᠨᠢᠭᠡᠨᠲᠡ ᠪᠦᠬᠦ ᠣᠷᠣᠨ ᠤ ︽ | ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠰᠦᠯᠵᠢᠶ᠎ᠡ ᠪᠠᠷ ᠬᠢᠨᠠᠨ ᠵᠥᠪᠰᠢᠶᠡᠷᠡᠬᠦ ᠶᠢ ᠬᠢᠨᠠᠨ ᠬᠠᠮᠢᠶᠠᠷᠬᠤ ᠲᠠᠪᠴᠠᠩ ︾᠂ ︽ᠵᠠᠰᠠᠭ ᠤᠨ ᠣᠷᠳᠣᠨ ᠠᠴᠠ | ᠬᠤᠳᠠᠯᠳᠤᠨ ᠠᠪᠬᠤ ᠲᠠᠪᠴᠠᠩ︾᠂ ︽ᠳᠤᠮᠳᠠ ᠵᠢᠵᠢᠭ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡ ᠶᠢᠨ ᠲᠠᠪᠴᠠᠩ︾᠂ ︽ᠪᠠᠩᠬᠢ ᠭᠠᠶᠢᠯᠢ ᠶᠢᠨ | ᠬᠠᠷᠢᠯᠴᠠᠨ ᠦᠢᠯᠡᠳᠦᠯᠴᠡᠬᠦ ᠲᠠᠪᠴᠠᠩ︾᠂ ︽ᠵᠠᠰᠠᠮᠠᠯ ᠵᠠᠮ ᠤᠰᠤᠨ ᠵᠠᠮ ᠤᠨ ᠪᠠᠶᠢᠭᠤᠯᠤᠯᠲᠠ ᠬᠢᠭᠡᠳ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠢᠲᠡᠭᠡᠮᠵᠢ ᠶᠢᠨ ᠮᠡᠳᠡᠭᠡ | ᠵᠠᠩᠭᠢ ᠶᠢᠨ ᠦᠢᠯᠡᠴᠢᠯᠡᠭᠡ ᠶᠢᠨ ᠰᠢᠰᠲ᠋ᠧᠮ︾᠂ ᠥᠪᠥᠷ ᠮᠣᠩᠭᠤᠯ ᠤᠨ ᠳᠠᠭᠠᠭᠠᠴᠢᠯᠠᠯᠲᠠ ᠵᠠᠷᠯᠠᠬᠤ ᠪᠠ ᠬᠦᠯᠢᠶᠡᠬᠦ ᠨᠡᠶᠢᠭᠡᠮᠯᠢᠭ ᠤᠨ ︽ᠳᠠᠭᠠᠭᠠᠴᠢᠯᠠᠯᠲᠠ ᠵᠠᠷᠯᠠᠬᠤ ᠪᠠ | ᠬᠦᠯᠢᠶᠡᠬᠦ ᠡᠯᠧᠺᠲᠷᠣᠨ ᠰᠢᠰᠲ᠋ᠧᠮ︾ ᠵᠡᠷᠭᠡ ᠮᠡᠳᠡᠭᠡ ᠵᠠᠩᠭᠢ ᠶᠢᠨ ᠰᠢᠰᠲ᠋ᠧᠮ ᠲᠠᠢ ᠵᠣᠯᠭᠠᠯᠳᠤᠭᠤᠯᠬᠤ ᠶᠢ ᠪᠡᠶᠡᠯᠡᠭᠦᠯᠵᠦ᠂ ᠡᠯ᠎ᠡ ᠲᠥᠷᠥᠯ ᠤᠨ ᠵᠠᠰᠠᠭ ᠵᠠᠬᠢᠷᠭᠠᠨ ᠤ | ᠵᠦᠢᠯᠡᠰ ᠤᠨ ᠭᠤᠶᠤᠴᠢᠯᠠᠬᠤ ᠭᠤᠣᠯ ᠴᠣᠭᠴᠠ ᠶᠢᠨ ᠢᠲᠡᠭᠡᠮᠵᠢ ᠶᠢᠨ ᠲᠥᠯᠥᠪ ᠪᠠᠶᠢᠳᠠᠯ ᠢ ᠴᠠᠭ ᠲᠤᠬᠠᠢ ᠳᠤ ᠨᠢ ᠬᠠᠷᠭᠤᠭᠤᠯᠤᠨ ᠪᠠᠶᠢᠴᠠᠭᠠᠵᠤ᠂ ᠵᠠᠰᠠᠭ ᠤᠨ | ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠲᠦᠭᠰᠢᠭᠦᠷᠢ ᠶᠢ ᠪᠠᠭᠤᠷᠠᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ | ᠬᠦᠴᠦᠨ ᠪᠦᠬᠦᠢ ᠲᠤᠯᠭᠠᠭᠤᠷᠢᠯᠠᠯ ᠬᠠᠩᠭᠠᠵᠤ ᠪᠠᠶᠢᠨ᠎ᠠ᠃ | ᠬᠥᠲᠥᠯᠥᠭᠴᠢ᠄ | ᠡᠭᠦᠨ ᠠᠴᠠ ᠦᠵᠡᠬᠦ ᠳᠤ ᠮᠠᠨ ᠤ ᠣᠷᠣᠨ ᠨᠢᠭᠡᠨᠲᠡ ᠮᠠᠰᠢ ᠣᠯᠠᠨ ᠬᠦᠷᠢᠶ᠎ᠡ ᠴᠠᠷᠠᠭᠠᠨ ᠳᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠬᠡᠷᠡᠭᠯᠡᠬᠦ ᠶᠢ | ᠥᠷᠨᠢᠭᠦᠯᠦᠭᠰᠡᠨ ᠤ ᠬᠠᠮᠲᠤ᠂ ᠢᠳᠡᠪᠬᠢᠲᠡᠢ ᠦᠷ᠎ᠡ ᠪᠦᠲᠦᠮᠵᠢ ᠣᠯᠪᠠ᠃ ᠠᠳᠡ ᠪᠢᠳᠡ ᠪᠠᠰᠠ᠂ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ | ᠬᠤᠶᠢᠰᠢᠳᠠ ᠨᠡᠩ ᠣᠯᠠᠨ᠂ ᠨᠡᠩ ᠥᠷᠭᠡᠨ ᠬᠦᠷᠢᠶ᠎ᠡ ᠴᠠᠷᠠᠭᠠᠨ ᠳᠤ ᠬᠡᠷᠡᠭᠯᠡᠭᠳᠡᠬᠦ ᠶᠢ ᠴᠢᠩ ᠰᠡᠳᠬᠢᠯ ᠠᠴᠠ ᠪᠠᠨ ᠬᠦᠰᠡᠨ ᠪᠠᠷᠠᠯᠠᠵᠤ ᠪᠠᠶᠢᠨ᠎ᠠ᠃ ᠲᠡᠭᠡᠪᠡᠯ ᠯᠢᠦ | ᠡᠷᠬᠢᠯᠡᠭᠴᠢ ᠠᠴᠠ ᠬᠠᠮᠤᠭ ᠤᠨ ᠰᠡᠭᠦᠯ ᠤᠨ ᠠᠰᠠᠭᠤᠬᠤ ᠵᠦᠢᠯ ᠭᠡᠪᠡᠯ᠂ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠪᠣᠯᠣᠭᠰᠠᠨ ᠤ ᠬᠤᠪᠢ ᠳᠤ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠠᠴᠠ ᠡᠭᠦᠨ ᠠᠴᠠ ᠬᠤᠶᠢᠰᠢᠳᠠ ᠶᠠᠮᠠᠷ ᠶᠠᠮᠠᠷ ᠠᠷᠭ᠎ᠠ ᠬᠡᠮᠵᠢᠶ᠎ᠡ | ᠠᠪᠴᠤ ᠪᠠᠶᠢᠭᠠᠳ ︽ᠬᠠᠮᠢᠶᠠᠷᠤᠯᠲᠠ ᠶᠢᠨ ᠠᠷᠭ᠎ᠠ︾ ᠶᠢ ᠬᠡᠷᠡᠭᠯᠡᠬᠦ ᠶᠢ ᠪᠦᠲᠦᠮᠵᠢᠲᠡᠢ ᠠᠬᠢᠭᠤᠯᠬᠤ ᠪᠣᠢ︖ | ᠯᠢᠦ ᠯᠢ ᠵᠢᠤᠸᠠᠨ᠄ | ᠳᠠᠷᠠᠭᠠᠴᠢ ᠶᠢᠨ ᠠᠯᠬᠤᠮ ᠳᠤ᠂ ᠪᠢᠳᠡ ︽ᠠᠷᠭ᠎ᠠ︾ ᠶᠢ ᠨᠡᠶᠢᠲᠡᠯᠡᠭᠰᠡᠨ ᠢᠶᠠᠷ ᠠᠵᠠ ᠲᠣᠬᠢᠶᠠᠯ ᠪᠣᠯᠭᠠᠵᠤ᠂ ᠬᠠᠮᠢᠶ᠎ᠠ ᠪᠦᠬᠦᠢ ᠠᠵᠢᠯ ᠢ ᠨᠠᠶᠢᠳᠠᠪᠤᠷᠢᠵᠢᠭᠤᠯᠬᠤ | ᠡᠷᠴᠢᠮ ᠢᠶᠠᠨ ᠴᠢᠩᠭᠠᠷᠠᠭᠤᠯᠤᠨ᠂ ᠢᠲᠡᠭᠡᠮᠵᠢ ᠶᠢᠨ ᠮᠡᠳᠡᠭᠡ ᠵᠠᠩᠭᠢ ᠶᠢᠨ ᠴᠤᠭᠯᠠᠭᠤᠯᠤᠨ ᠨᠡᠶᠢᠯᠡᠭᠦᠯᠵᠦ ᠬᠠᠮᠲᠤ ᠳᠤ ᠪᠠᠨ ᠬᠦᠷᠲᠡᠬᠦ ᠶᠢ ᠴᠢᠩᠭᠠᠳᠬᠠᠵᠤ᠂ ᠥᠪᠡᠷᠲᠡᠭᠡᠨ | ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠢ ᠲᠦᠷᠭᠡᠳᠬᠡᠨ ᠪᠠᠶᠢᠭᠤᠯᠬᠤ ᠪᠠ ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠰᠠᠯᠠᠭ᠎ᠠ | ᠮᠥᠴᠢᠷ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ | ᠢᠳᠡᠪᠬᠢᠲᠡᠢ ᠥᠷᠨᠢᠭᠦᠯᠦᠨ᠂ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠰᠢᠢᠳᠪᠦᠷᠢᠲᠦ ᠪᠣᠳᠣᠯᠭ᠎ᠠ᠂ ᠵᠠᠬ᠎ᠠ ᠳᠡᠯᠭᠡᠭᠦᠷ ᠤᠨ ᠡᠵᠡᠩᠨᠡᠯᠲᠡ ᠪᠠ ᠨᠡᠶᠢᠭᠡᠮ ᠤᠨ | ᠠᠮᠢᠳᠤᠷᠠᠯ ᠤᠨ ᠡᠯ᠎ᠡ ᠬᠦᠷᠢᠶ᠎ᠡ ᠴᠠᠷᠠᠭᠠᠨ ᠳᠠᠬᠢ ᠢᠲᠡᠭᠡᠮᠵᠢ ᠶᠢᠨ ᠮᠡᠳᠡᠭᠡ ᠵᠠᠩᠭᠢ ᠶᠢᠨ ᠬᠡᠷᠡᠭᠯᠡᠯᠲᠡ ᠶᠢ ᠲᠠᠰᠤᠷᠠᠯᠲᠠ ᠦᠭᠡᠢ ᠠᠬᠢᠭᠤᠯᠤᠨ᠎ᠠ᠃ ᠡᠭᠦᠨ ᠤ ᠬᠠᠮᠲᠤ᠂ ᠪᠢᠳᠡ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠯᠪᠠᠨ ᠭᠡᠷ᠂ ᠬᠢᠨᠠᠨ | ᠪᠠᠶᠢᠴᠠᠭᠠᠬᠤ ᠲᠠᠰᠤᠭ ᠲᠠᠢ ᠬᠤᠯᠪᠣᠭᠠᠯᠠᠵᠤ ᠪᠠᠶᠢᠭᠠᠳ ︽ᠠᠷᠭ᠎ᠠ︾ ᠶᠢ ᠬᠡᠷᠡᠭᠵᠢᠭᠦᠯᠦᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠵᠤ᠂ ︽ᠠᠷᠭ᠎ᠠ︾ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠬᠤ ᠪᠠᠷ ᠪᠠᠶᠢᠨ᠎ᠠ᠃ | ᠬᠥᠲᠥᠯᠥᠭᠴᠢ᠄ | ᠰᠠᠶᠢᠨ ᠪᠣᠯᠣᠯ᠎ᠠ᠃ ᠯᠢᠦ ᠡᠷᠬᠢᠯᠡᠭᠴᠢ ᠶᠢᠨ ᠨᠠᠷᠢᠨ ᠲᠠᠶᠢᠯᠤᠮᠵᠢ ᠳᠤ ᠲᠤᠩ ᠪᠠᠶᠠᠷᠯᠠᠯ᠎ᠠ︕ ᠴᠠᠭ ᠤᠨ ᠬᠠᠷᠠᠭ᠎ᠠ ᠠᠴᠠ ᠮᠠᠨ ᠤ ᠰᠤᠷᠪᠤᠯᠵᠢᠯᠠᠭ᠎ᠠ ᠠᠳᠡ | ᠬᠦᠷᠦᠭᠡᠳ ᠥᠨᠳᠥᠷᠯᠡᠬᠦ ᠪᠣᠯᠣᠯ᠎ᠠ᠂ ᠯᠢᠦ ᠡᠷᠬᠢᠯᠡᠭᠴᠢ ᠶᠢᠨ ᠮᠠᠨ ᠤ ᠰᠤᠷᠪᠤᠯᠵᠢᠯᠠᠭ᠎ᠠ ᠶᠢᠨ ᠪᠤᠯᠤᠩ ᠳᠤ ᠰᠠᠭᠠᠲᠠᠭᠰᠠᠨ ᠳᠤ ᠳᠠᠬᠢᠨᠲᠠ ᠪᠠᠶᠠᠷᠯᠠᠨ ᠲᠠᠯᠠᠷᠬᠠᠵᠤ᠂ ᠮᠥᠨ | ᠰᠦᠯᠵᠢᠶᠡᠨ ᠤ ᠠᠨᠳᠠ ᠨᠠᠷ ᠤᠨ ᠬᠦᠯᠢᠶᠡᠨ ᠠᠪᠴᠤ ᠦᠵᠡᠭᠰᠡᠨ ᠪᠠ ᠣᠷᠣᠯᠴᠠᠭᠰᠠᠨ ᠳᠤ ᠪᠠᠶᠠᠷᠯᠠᠨ ᠲᠠᠯᠠᠷᠬᠠᠵᠤ ᠪᠠᠶᠢᠨ᠎ᠠ᠃ ᠳᠠᠷᠠᠭᠠᠴᠢ ᠶᠢᠨ ᠬᠤᠭᠤᠴᠠᠭᠠᠨ ᠳᠤ ᠳᠠᠬᠢᠨ | ᠵᠣᠯᠭᠠᠶ᠎ᠠ᠂ ᠪᠠᠶᠠᠷᠲᠠᠢ︕ |