ᠥᠪᠥᠷ ᠵᠠᠰᠠᠭ ᠲᠠᠷᠬᠠᠭᠠᠭᠰᠠᠨ ﹇2018﹈ 22 ᠳ᠋ᠤᠭᠠᠷ ᠲᠤᠭᠠᠳᠤ | 2018 ᠣᠨ ᠤ 6 ᠳ᠋ᠣᠭᠠᠷ ᠰᠠᠷ᠎ᠠ ᠶᠢᠨ 20 ᠤ ᠡᠳᠣᠷ | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄ | ᠲᠣᠮᠳᠠᠳᠣ ᠣᠯᠣᠰ ᠤᠨ ᠡᠪ ᠬᠠᠮᠳᠣ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ︽︿ | ᠠᠭᠤᠷᠬᠠᠢ ᠶᠢᠨ ᠡᠭᠢ ᠪᠠᠶᠠᠯᠢᠭ ᠤᠨ ᠬᠡᠷᠩᠯᠡᠭᠦ ᠡᠷᠭᠡ ᠶᠢ ᠬᠢᠮᠳᠠ ᠪᠠᠷ ᠬᠤᠳᠠᠯᠳᠣᠬᠤ ᠲᠦᠷᠢᠮ ᠤᠨ ᠥᠭᠡᠷᠡᠴᠢᠯᠡᠯᠲᠡ ᠶᠢᠨ ᠲᠥᠰᠦᠯ﹀ ᠢ ᠳᠠᠷᠤᠮᠠᠯᠯᠠᠨ ᠶᠠᠪᠣᠭᠤᠯᠬᠤ | ᠲᠤᠬᠠᠶ ᠮᠡᠳᠡᠭᠳᠡᠯ︾ ︵ᠲᠢᠩᠬᠢᠮ ᠥᠰᠥᠭ ﹇2017﹈ 12 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠣᠭᠤᠰᠢᠯᠠᠭᠤᠯᠣᠨ ᠨᠠᠶᠢᠳᠠᠪᠣᠷᠢᠵᠢᠭᠤᠯᠵᠣ᠂ | ᠨᠡᠭᠦᠷᠡᠰᠦᠨ ᠤ ᠡᠬᠢ ᠪᠠᠶᠠᠯᠢᠭ ᠤᠨ ᠲᠣᠬᠢᠷᠠᠭᠤᠯᠭ᠎ᠠ ᠳᠤ ᠲᠤᠯᠭᠠᠷᠠᠵᠤ ᠪᠠᠶᠢᠭ᠎ᠠ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ᠂ ᠨᠡᠭᠡᠭᠡᠯᠳᠠ ᠶᠢᠨ ᠭᠦᠴᠣᠯᠠᠴᠨ ᠪᠣᠯᠤᠨ | ᠣᠷᠴᠢᠨ ᠲᠣᠭᠤᠷᠢᠨ ᠤ ᠪᠠᠭᠲᠠᠭᠠᠮᠵᠢ ᠵᠡᠷᠭᠡ ᠲᠠᠯ᠎ᠠ ᠪᠠᠷ ᠬᠢ ᠰᠢᠨ᠎ᠡ ᠪᠠᠶᠢᠳᠠᠯ ᠪᠠ ᠰᠢᠨ᠎ᠡ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠵᠦ᠂ ᠡᠬᠢ ᠪᠠᠶᠠᠯᠢᠭ ᠤᠨ | ᠲᠣᠬᠢᠷᠠᠭᠤᠯᠭ᠎ᠠ ᠳᠤ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠶ ᠦᠢᠯᠡᠳᠦᠯ ᠢ ᠭᠦᠢᠴᠡᠳ ᠪᠠᠳᠠᠷᠠᠭᠤᠯᠬᠤ ᠪᠠ ᠵᠠᠰᠠᠭ ᠤᠨ ᠣᠷᠳᠣᠨ ᠤ ᠦᠢᠯᠡᠳᠦᠯ ᠢ ᠨᠡᠩ | ᠰᠠᠶᠢᠲᠤᠷ ᠪᠠᠳᠠᠷᠠᠭᠤᠯᠵᠤ᠂ ᠨᠡᠭᠦᠷᠡᠰᠦᠨ ᠤ ᠠᠵᠤ ᠦᠢᠯᠡᠰ ᠤᠨ ᠴᠢᠨᠠᠷ ᠰᠠᠶᠢᠲᠠᠶ ᠪᠠᠷ ᠬᠥᠭᠵᠢᠭᠦ ᠶᠢ ᠠᠬᠢᠭᠤᠯᠬᠤ ᠶᠢᠨ ᠲᠣᠰᠠᠳᠠ᠂ ᠡᠳᠦᠭᠡ ᠳᠣᠣᠷᠠᠬᠢ ᠮᠡᠲᠦ ᠰᠠᠨᠠᠯ ᠢ | ᠳᠤᠷᠠᠳᠪᠠ᠃ | ᠨᠢᠭᠡ᠂ ᠨᠡᠭᠦᠷᠡᠰᠦᠨ ᠤ ᠠᠭᠤᠷᠬᠠᠶ ᠶᠢᠨ ᠡᠬᠢ ᠪᠠᠶᠠᠯᠢᠭ ᠤᠨ ᠬᠡᠷᠩᠯᠡᠭᠦ ᠡᠷᠬᠡ ᠶᠢ ᠵᠠᠬ᠎ᠠ ᠳᠡᠯᠭᠡᠭᠦᠷ ᠤᠨ ᠠᠷᠭ᠎ᠠ ᠪᠠᠷ ᠬᠢᠮᠳᠠ ᠬᠤᠳᠠᠯᠳᠣᠬᠤ ᠶᠢ ᠬᠡᠷᠩᠵᠢᠭᠦᠯᠣᠨ᠎ᠠ | ︵ᠨᠢᠭᠡ︶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠭᠰᠠᠨ ᠬᠠᠶᠢᠨ ᠰᠢᠨᠵᠢᠵᠦ ᠨᠡᠭᠡᠭᠡᠨ ᠮᠠᠯᠲᠠᠬᠤ ᠶᠢ ᠨᠢ ᠣᠨᠴᠨ ᠲᠣᠭᠳᠠᠭᠠᠭᠰᠠᠨ ᠭᠤᠣᠯ ᠴᠣᠭᠴᠠ | ᠪᠠ ᠭᠤᠣᠯᠳᠠᠯᠭ᠎ᠠ ᠲᠠᠢ ᠪᠦᠳᠦᠭᠡᠨ ᠪᠠᠶᠢᠭᠤᠯᠬᠤ ᠶᠢ ᠨᠢ ᠵᠦᠪᠰᠢᠶᠡᠷᠡᠭᠰᠠᠨ ᠲᠦᠷᠣᠯ ᠵᠦᠢᠯ ᠳᠤ ᠨᠠᠶᠢᠴᠡᠭᠦ ᠵᠢᠴᠢ ᠲᠤᠮᠤ ᠳᠤᠮᠳᠠ ᠬᠡᠯᠪᠡᠷᠢ ᠶᠢᠨ ᠨᠡᠭᠦᠷᠡᠰᠦᠨ | ᠠᠭᠤᠷᠬᠠᠶ ᠳᠤ ᠠᠭᠤᠷᠬᠠᠶ ᠮᠠᠯᠲᠠᠬᠤ ᠡᠷᠬᠡ ᠶᠢᠨ ᠠᠭᠤᠷᠬᠠᠢ ᠶᠢᠨ ᠡᠭᠢ ᠪᠠᠶᠠᠯᠢᠭ ᠤᠨ ᠬᠡᠷᠩᠯᠡᠭᠦ ᠡᠷᠭᠡ ᠶᠢ ᠨᠢ ᠭᠦᠨᠵᠡᠭᠡᠶᠢᠷᠠᠭᠦᠯᠣᠨ ᠲᠣᠭᠳᠠᠭᠠᠭᠰᠠᠨ ᠪᠠᠶᠢᠪᠠᠯ᠂ | ᠵᠦᠪᠯᠡᠯᠴᠡᠬᠡᠷ ᠬᠢᠭᠦ ᠠᠷᠭ᠎ᠠ ᠪᠠᠷ ᠬᠢᠮᠳᠠ ᠬᠤᠳᠠᠯᠳᠣᠵᠣ ᠪᠣᠯᠣᠨ᠎ᠠ᠃ ᠪᠣᠳᠠᠳᠠᠢ ᠠᠵᠢᠯ ᠤᠨ ᠬᠤᠪᠢ ᠳᠤ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ | ᠣᠷᠳᠣᠨ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠣᠨ ᠵᠥᠪᠰᠢᠶᠡᠷᠡᠭᠦᠯᠵᠣ᠂ ᠬᠠᠮᠲᠤ ᠪᠠᠷ ᠰᠢᠢᠳᠪᠦᠷᠢᠲᠦ ᠪᠤᠳᠤᠯᠭ᠎ᠠ | ᠲᠣᠭᠲᠠᠭᠠᠬᠤ᠂ ᠬᠢᠮᠳᠠ ᠪᠠᠷ ᠬᠤᠳᠠᠯᠳᠣᠭᠰᠠᠨ ᠠᠰᠢᠭ ᠣᠯᠵᠠᠪᠤᠷᠢ ᠶᠢ ᠦᠨᠡᠯᠡᠨ ᠵᠢᠱᠢᠬᠦ᠂ ᠦᠷ᠎ᠡ ᠳ᠋ᠦᠩ ᠢ ᠨᠢ ᠢᠯᠨ ᠨᠡᠶᠢᠲᠡᠯᠡᠬᠦ ᠶᠢ ᠬᠡᠷᠩᠵᠢᠭᠦᠯᠣᠨ᠎ᠠ᠃ | ︵ᠬᠤᠶᠠᠷ︶ ᠵᠦᠪᠯᠡᠯᠴᠡᠭᠡᠷ ᠢᠶᠠᠷ ᠬᠢᠮᠳᠠ ᠬᠤᠳᠠᠯᠳᠣᠬᠤ ᠪᠠᠶᠢᠳᠠᠯ ᠠᠴᠠ ᠭᠠᠳᠠᠨ᠎ᠠ ᠰᠢᠨ᠎ᠠ ᠪᠠᠷ ᠪᠠᠶᠢᠭᠤᠯᠬᠤ ᠨᠡᠭᠦᠷᠠᠰᠣᠨ ᠤ ᠠᠭᠤᠷᠬᠠᠢ ᠶᠢᠨ ᠡᠭᠢ ᠪᠠᠶᠠᠯᠢᠭ ᠤᠨ | ᠬᠡᠷᠩᠯᠡᠭᠦ ᠡᠷᠭᠡ ᠳᠤ ᠳᠠᠭᠠᠭᠠᠴᠢᠯᠠᠯᠲᠠ ᠵᠠᠷᠯᠠᠬᠤ᠂ ᠦᠨ᠎ᠡ ᠬᠠᠶᠠᠯᠴᠠᠨ ᠬᠤᠳᠠᠯᠳᠤᠬᠤ᠂ ᠦᠨ᠎ᠠ ᠬᠠᠳᠠᠵᠣ ᠬᠤᠳᠠᠯᠳᠣᠬᠤ ᠵᠡᠷᠭᠡ ᠥᠷᠢᠰᠥᠯᠳᠦᠭᠦᠯᠬᠦ ᠠᠷᠭ᠎ᠠ ᠮᠠᠶ᠋ᠢᠭ ᠢᠶᠠᠷ | ᠬᠢᠮᠳᠠ ᠬᠤᠳᠠᠯᠳᠤᠬᠤ ︵ᠲᠣᠷᠣᠭᠰᠢ ᠵᠠᠬ᠎ᠠ ᠳᠠᠯᠭᠡᠭᠦᠷ ᠢᠶᠠᠷ ᠬᠢᠮᠳᠠ ᠬᠤᠳᠠᠯᠳᠣᠬᠤ ᠭᠡᠵᠣ ᠲᠣᠪᠴᠢᠯᠠᠨ᠎ᠠ︶ ᠶᠢ ᠪᠦᠭᠦ ᠳᠠᠯ᠎ᠠ ᠪᠠᠷ ᠬᠡᠷᠩᠵᠢᠭᠦᠯᠣᠨ᠎ᠠ᠂ ᠦᠪᠡᠷᠳᠡᠭᠡᠨ | ᠵᠠᠰᠠᠬᠤ ᠣᠷᠣᠨ ᠤ ᠠᠷᠠᠣᠨ ᠤᠨ ᠵᠠᠰᠠᠭ ᠤᠨ ᠣᠷᠳᠣᠨ ᠠᠴᠠ ᠰᠢᠨ᠎ᠡ ᠪᠠᠷ ᠪᠠᠶᠢᠭᠤᠯᠬᠤ ᠠᠭᠤᠷᠬᠠᠢ ᠶᠢᠨ ᠬᠤᠳᠳᠤᠭ ᠤᠨ ᠨᠡᠭᠦᠷᠡᠰᠦᠨ ᠤ ᠡᠬᠢ ᠪᠠᠶᠠᠯᠢᠭ ᠢ | ᠲᠣᠬᠢᠷᠠᠭᠤᠯᠬᠤ ᠣᠴᠢᠷ ᠶᠠᠪᠤᠳᠠᠯ ᠢ ᠳᠠᠬᠢᠨ ᠰᠣᠳᠣᠯᠣᠨ ᠶᠠᠷᠢᠯᠴᠠᠬᠤ ᠦᠭᠡᠢ᠃ 2018 ᠣᠨ ᠤ 12 ᠳ᠋ᠣᠭᠠᠷ ᠰᠠᠷ᠎ᠠ ᠶᠢᠨ 31 ᠤ ᠡᠳᠣᠷ ᠠᠴᠠ ᠡᠮᠦᠨ᠎ᠡ᠂ ᠠᠵᠤ | ᠠᠬᠤᠶᠢᠯᠠᠯ ᠨᠢ ᠠᠮᠠᠯᠠᠭᠰᠠᠨ ᠶᠣᠰᠣᠭᠠᠷ ᠣᠯᠠᠷᠢᠭᠤᠯᠬᠤ ᠲᠦᠷᠣᠯ ᠵᠦᠢᠯ ᠳᠤ ᠬᠡᠷᠩᠰᠡᠭᠦ ᠡᠬᠢ ᠪᠠᠶᠠᠯᠢᠭ ᠤᠨ ᠲᠣᠬᠢᠷᠠᠭᠤᠯᠣᠯᠳᠠ ᠶᠢ ᠨᠢᠭᠡᠨᠲᠡ ᠨᠠᠶᠢᠳᠠᠪᠤᠷᠢᠵᠢᠭᠤᠯᠣᠭᠰᠠᠨ | ᠪᠤᠶᠤ ᠲᠦᠷᠣᠯ ᠵᠦᠢᠯ ᠢᠶᠠᠨ ᠪᠤᠰᠤᠳ ᠠᠭᠤᠷᠬᠠᠢ ᠶᠢᠨ ᠬᠤᠳᠳᠤᠭ ᠤᠨ ᠲᠣᠬᠢᠷᠠᠭᠤᠯᠤᠯᠳᠠ ᠳᠤ ᠬᠤᠪᠢᠷᠠᠭᠠᠭᠰᠠᠨ ᠪᠠᠶᠢᠪᠠᠯ᠂ ᠣᠯᠠᠷᠢᠭᠤᠯᠬᠤ ᠲᠦᠷᠣᠯ ᠵᠦᠢᠯ ᠤᠨ | ᠪᠠᠶᠢᠭ᠎ᠠ ᠭᠠᠵᠠᠷ ᠤᠨ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠳᠤ ᠮᠡᠳᠡᠭᠦᠯᠵᠣ ᠰᠤᠳᠤᠯᠤᠨ ᠲᠣᠭᠲᠠᠭᠠᠯᠭᠠᠬᠤ ᠬᠡᠷᠡᠭᠲᠡᠶ᠃ | ︵ᠭᠤᠷᠪᠠ︶ ᠪᠦᠷᠢᠨ ᠣᠭᠰᠠᠷᠠᠵᠣ ᠲᠣᠨᠣᠭᠯᠠᠭᠰᠠᠨ ᠠᠭᠤᠷᠬᠠᠢ ᠶᠢᠨ ᠬᠤᠳᠳᠤᠭ ᠤᠨ ᠨᠡᠭᠦᠷᠡᠰᠦᠨ ᠤ ᠠᠭᠤᠷᠬᠠᠶ ᠶᠢᠨ ᠡᠭᠢ ᠪᠠᠶᠠᠯᠢᠭ ᠤᠨ ᠬᠡᠷᠩᠯᠡᠭᠦ ᠡᠷᠭᠡ ᠶᠢ | ᠵᠠᠬ᠎ᠠ ᠳᠡᠯᠭᠡᠭᠦᠷᠴᠢᠯᠠᠨ ᠬᠢᠮᠳᠠ ᠬᠤᠳᠠᠯᠳᠣᠬᠤ ᠶᠢ ᠨᠢ᠂ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠡᠬᠢ ᠪᠠᠶᠠᠯᠢᠭ ᠢ ᠨᠡᠭᠡᠭᠡᠨ ᠬᠥᠭᠵᠢᠭᠦᠯᠬᠦ | ᠤᠷᠲᠤᠪᠲᠤᠷ ᠪᠠ ᠤᠷᠳᠤ ᠬᠤᠭᠤᠴᠠᠭᠠᠨ ᠤ ᠲᠥᠯᠥᠪᠵᠢᠭᠦᠯᠭᠡ ᠳᠤ ᠵᠢᠭᠰᠠᠭᠠᠨ ᠣᠷᠣᠭᠤᠯᠵᠣ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ | ᠣᠷᠴᠢᠨ ᠨᠦᠬᠦᠴᠡᠯ᠂ ᠠᠵᠤ ᠦᠢᠯᠡᠰ ᠤᠨ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠳᠤ ᠨᠠᠶᠢᠴᠡᠭᠦᠯᠵᠣ᠂ ᠠᠭᠤᠷᠬᠠᠶ ᠶᠢᠨ ᠡᠬᠢ ᠪᠠᠶᠠᠯᠢᠭ ᠤᠨ ᠬᠡᠷᠩᠯᠡᠭᠦ ᠡᠷᠬᠡ ᠶᠢ | ᠬᠢᠮᠳᠠ ᠪᠠᠷ ᠬᠤᠳᠠᠯᠳᠤᠬᠤ ᠶᠢᠨ ᠬᠤᠯᠪᠣᠭᠳᠠᠯ ᠪᠦᠬᠦᠢ ᠲᠣᠭᠲᠠᠭᠠᠯ ᠳᠤ ᠨᠠᠶᠢᠴᠡᠭᠦᠯᠣᠭ᠍ᠰᠡᠨ ᠪᠠᠶᠢᠬᠤ ᠬᠡᠷᠩᠳᠠᠢ᠃ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ | ᠵᠠᠰᠠᠭ ᠤᠨ ᠣᠷᠳᠣᠨ ᠠᠴᠠ ᠭᠤᠶᠤᠴᠢᠯᠠᠯ ᠭᠠᠷᠭᠠᠵᠣ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠣᠨ ᠵᠥᠪᠰᠢᠶᠡᠷᠡᠭᠦᠯᠦᠭᠰᠡᠨ ᠤ | ᠲᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠭᠤᠷᠬᠠᠢ ᠶᠢᠨ ᠡᠬᠢ | ᠪᠠᠶᠠᠯᠢᠭ ᠤᠨ ᠬᠡᠷᠩᠯᠡᠭᠦ ᠡᠷᠭᠡ ᠶᠢᠨ ᠠᠷᠠᠯᠵᠢᠶᠠᠨ ᠤ ᠲᠠᠪᠴᠠᠩ ᠳᠤ ᠨᠠᠶᠢᠳᠠᠵᠤ ᠢᠯᠡ ᠪᠠᠷ ᠵᠠᠬ᠎ᠠ ᠳᠡᠯᠭᠡᠭᠦᠷ ᠪᠠᠷ ᠬᠢᠮᠳᠠ ᠬᠤᠳᠠᠯᠳᠣᠨ᠎ᠠ᠃ ᠥᠪᠡᠷᠲᠡᠭᠡᠨ ᠵᠠᠰᠠᠬᠤ | ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠴᠢᠬᠤᠯᠠ ᠶᠡᠭᠡ ᠨᠥᠯᠥᠭᠡ ᠦᠵᠡᠭᠦᠯᠭᠦ ᠲᠦᠷᠣᠯ ᠵᠦᠢᠯ ᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ ᠨᠢ ᠵᠠᠬ᠎ᠠ ᠳᠡᠯᠭᠡᠭᠦᠷ ᠢᠶᠠᠷ ᠬᠢᠮᠳᠠ ᠬᠤᠳᠠᠯᠳᠣᠬᠤ ᠨᠥᠬᠦᠴᠡᠯ ᠢ ᠲᠣᠷᠠᠣᠡᠴᠣ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠳᠤ ᠮᠡᠳᠡᠭᠦᠯᠵᠣ ᠵᠥᠪᠰᠢᠶᠡᠷᠡᠭᠦᠯᠭᠦ ᠬᠡᠷᠩᠳᠠᠢ᠃ | ︵ᠲᠦᠷᠪᠡ︶ ᠨᠢᠭᠡᠨᠳᠠ ᠪᠠᠶᠢᠭ᠎ᠠ ᠨᠡᠭᠦᠷᠡᠰᠣᠨ ᠤ ᠠᠭᠤᠷᠬᠠᠢ ᠶᠢᠨ ᠡᠬᠢ ᠪᠠᠶᠠᠯᠢᠭ ᠤᠨ ᠬᠡᠷᠩᠯᠡᠭᠦ ᠡᠷᠭᠡ ᠪᠣᠶᠣ ᠠᠭᠤᠷᠬᠠᠢ ᠶᠢᠨ ᠣᠷᠣᠨ ᠤ ᠬᠦᠷᠢᠶ᠎ᠡ ᠬᠡᠪᠴᠢᠶ᠎ᠠ ᠶᠢ | ᠬᠤᠪᠢᠶᠠᠷᠢᠯᠠᠨ ᠲᠣᠭᠳᠠᠭᠠᠬᠤ ᠳᠤ ᠦᠢᠷ᠎ᠠ ᠬᠠᠪᠢ ᠳᠤᠨᠢ ᠪᠣᠢ ᠪᠣᠯᠣᠭᠰᠠᠨ ᠠᠭᠤᠷᠬᠠᠢ ᠮᠠᠯᠳᠠᠬᠤ ᠡᠷᠭᠡ ᠶᠢ ᠠᠰᠳᠠᠭᠠᠨ ᠲᠣᠬᠢᠷᠠᠭᠤᠯᠵᠣ ᠪᠣᠯᠬᠤ ᠦᠭᠡᠢ ᠵᠠᠬ᠎ᠠ | ᠰᠡᠵᠢᠭᠦᠷ ᠤᠨ ᠡᠬᠢ ᠪᠠᠶᠠᠯᠢᠭ ᠢ ᠵᠠᠬ᠎ᠠ ᠳᠡᠯᠭᠡᠭᠦᠷ ᠢᠶᠠᠷ ᠬᠢᠮᠳᠠ ᠬᠤᠳᠠᠯᠳᠣᠬᠤ ᠳᠤ᠂ ᠠᠭᠤᠷᠬᠠᠢ ᠶᠢᠨ ᠡᠬᠢ ᠪᠠᠶᠠᠯᠢᠭ ᠤᠨ ᠬᠡᠷᠩᠯᠡᠭᠦ ᠡᠷᠭᠡ ᠶᠢᠨ ᠲᠣᠬᠢᠷᠠᠭᠤᠯᠣᠯᠳᠠ ᠶᠢᠨ | ᠣᠷᠣᠨ ᠬᠤᠪᠢᠶᠠᠷᠢᠯᠠᠬᠤ ᠲᠦᠰᠣᠯ ᠳᠤ ᠨᠠᠶᠢᠴᠡᠭᠦᠯᠵᠣ᠂ ᠲᠣᠭᠲᠠᠭᠠᠭᠰᠠᠨ ᠨᠡᠭᠦᠷᠡᠰᠦᠨ ᠠᠭᠤᠷᠬᠠᠶ ᠶᠢᠨ ᠭᠤᠣᠯ ᠴᠣᠭᠴᠠ ᠯᠤᠭ᠎ᠠ ᠡᠮᠬᠢᠯᠡᠨ ᠨᠡᠶᠢᠯᠡᠭᠦᠯᠵᠦ ᠨᠢᠭᠡᠳᠦᠯᠲᠡᠶ | ᠨᠡᠭᠡᠭᠡᠨ ᠮᠠᠯᠲᠠᠬᠤ ᠬᠡᠷᠩᠳᠠᠢ᠃ ᠨᠡᠭᠦᠷᠡᠰᠦᠨ ᠤ ᠵᠠᠬ᠎ᠠ ᠰᠡᠵᠢᠭᠦᠷ ᠤᠨ ᠡᠬᠢ ᠪᠠᠶᠠᠯᠢᠭ ᠢ ᠵᠠᠬ᠎ᠠ ᠳᠡᠯᠭᠡᠭᠦᠷ ᠢᠶᠠᠷ ᠬᠢᠮᠳᠠ ᠬᠤᠳᠠᠯᠳᠣᠬᠤ ᠳᠤ᠂ ᠥᠪᠡᠷᠲᠡᠭᠡᠨ ᠵᠠᠰᠠᠬᠤ | ᠣᠷᠣᠨ ᠤ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠣᠨ ᠵᠥᠪᠰᠢᠶᠡᠷᠡᠭᠦᠯᠣᠭ᠍ᠰᠡᠨ ᠤ | ᠲᠡᠷᠠᠭ᠎ᠠ᠂ ᠡᠬᠢ ᠪᠠᠶᠠᠯᠢᠭ ᠤᠨ ᠪᠠᠶᠢᠭ᠎ᠠ ᠭᠠᠵᠠᠷ ᠤᠨ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠳᠤ ᠨᠠᠶᠢᠳᠠᠵᠣ ᠵᠣᠬᠢᠶᠠᠨ ᠪᠠᠶᠢᠭᠤᠯᠣᠨ | ᠬᠡᠷᠡᠭᠵᠢᠭᠦᠯᠣᠨ᠎ᠠ᠃ | ︵ᠲᠠᠪᠤ︶ ᠨᠡᠭᠦᠷᠡᠰᠦᠨ ᠤ ᠠᠭᠤᠷᠬᠠᠶ ᠬᠠᠶᠢᠬᠤ ᠡᠷᠬᠡ ᠶᠢ ᠰᠢᠯᠵᠢᠭᠦᠯᠣᠨ ᠥᠭᠬᠦ ᠪᠠᠷ ᠭᠤᠶᠣᠴᠢᠯᠠᠬᠤ ᠪᠤᠶᠤ ᠠᠭᠤᠷᠬᠠᠶ ᠮᠠᠯᠲᠠᠬᠤ ᠡᠷᠭᠡ ᠪᠣᠯᠭᠠᠨ | ᠬᠤᠪᠢᠷᠠᠭᠤᠯᠬᠤ ᠳᠤ᠂ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠤᠷᠲᠤᠪᠲᠤᠷ ᠪᠠ ᠤᠷᠳᠤ ᠬᠤᠭᠤᠴᠠᠭᠠᠨ ᠤ ᠲᠥᠯᠥᠪᠵᠢᠭᠦᠯᠭᠡ᠂ ᠠᠮᠢ ᠠᠬᠤᠶ ᠶᠢᠨ ᠣᠷᠴᠢᠨ | ᠨᠦᠬᠦᠴᠡᠯ ᠪᠠ ᠠᠵᠤ ᠦᠢᠯᠡᠰ ᠤᠨ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠳᠤ ᠨᠠᠶᠢᠴᠡᠭᠦᠯᠵᠣ᠂ ᠠᠭᠤᠷᠬᠠᠶ ᠶᠢᠨ ᠣᠷᠣᠨ ᠤ ᠶᠡᠷᠦᠩᠬᠡᠶ ᠲᠥᠯᠥᠪᠵᠢᠭᠦᠯᠭᠡ ᠪᠠ | ᠠᠭᠤᠷᠬᠠᠶ ᠶᠢᠨ ᠡᠬᠢ ᠪᠠᠶᠠᠯᠢᠭ ᠤᠨ ᠬᠡᠷᠩᠯᠡᠭᠦ ᠡᠷᠬᠡ ᠶᠢᠨ ᠲᠣᠬᠢᠷᠠᠭᠤᠯᠣᠯᠳᠠ ᠶᠢᠨ ᠣᠷᠣᠨ ᠬᠤᠪᠢᠶᠠᠷᠢᠯᠠᠬᠤ ᠲᠥᠰᠦᠯ ᠳᠤ ᠨᠠᠶᠢᠴᠡᠭᠦᠯᠣᠭ᠍ᠰᠡᠨ ᠪᠠᠶᠢᠬᠤ ᠬᠡᠷᠡᠭᠲᠡᠶ᠃ | ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠣ | ᠵᠥᠪᠰᠢᠶᠡᠷᠡᠭᠦᠯᠦᠭᠰᠡᠨ ᠤ ᠲᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠬᠠᠮᠢᠶ᠎ᠠ ᠪᠦᠬᠦᠢ ᠭᠠᠷᠳᠠᠮ ᠢ ᠨᠢ ᠭᠦᠢᠴᠡᠣᠡᠭᠡᠵᠣ ᠦᠭᠭᠦᠨ᠎ᠠ᠃ | ᠬᠤᠶᠠᠷ᠂ ᠨᠡᠭᠦᠷᠡᠰᠦᠨ ᠤ ᠠᠭᠤᠷᠬᠠᠶ ᠶᠢᠨ ᠡᠬᠢ ᠪᠠᠶᠠᠯᠢᠭ ᠤᠨ ᠬᠡᠷᠩᠯᠡᠭᠦ ᠡᠷᠬᠡ ᠶᠢ ᠢᠯᠭᠠᠷᠠᠭᠤᠯᠤᠨ ᠰᠢᠢᠳᠪᠦᠷᠢᠯᠡᠬᠦ ᠶᠢ ᠲᠦᠷᠭᠡᠣᠡᠭᠡᠨ᠎ᠠ | ︵ᠵᠢᠷᠭᠤᠭ᠎ᠠ︶ ᠬᠤᠯᠪᠣᠭᠳᠠᠯ ᠪᠥᠬᠦᠢ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠨᠢ ︽ᠨᠡᠭᠦᠷᠡᠰᠦᠨ ᠤ ᠡᠬᠢ ᠪᠠᠶᠠᠯᠢᠭ ᠤᠨ | ᠲᠣᠬᠢᠷᠠᠭᠤᠯᠣᠯᠳᠠ ᠶᠢᠨ ᠢᠯᠭᠠᠷᠠᠭᠤᠯᠣᠨ ᠴᠡᠭᠴᠡᠯᠡᠭᠦ ᠠᠵᠢᠯ ᠤᠨ ᠲᠥᠰᠦᠯ ᠢ ᠳᠠᠷᠤᠮᠠᠯᠯᠠᠨ ᠶᠠᠪᠣᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2014﹈ 79 ᠳ᠋ᠤᠭᠡᠷ ᠲᠣᠭᠠᠳᠣ︶ ᠤᠨ ᠱᠠᠭᠠᠷᠳᠠᠯᠭ᠎ᠠ ᠶᠢ ᠬᠢᠨᠠᠮᠠᠭᠠᠢ | ᠨᠠᠶᠢᠳᠠᠪᠣᠷᠢᠵᠢᠭᠤᠯᠵᠣ᠂ ᠣᠷᠢᠣᠨ ᠢᠶᠠᠷ ᠣᠯᠣᠭᠰᠠᠨ ᠠᠭᠤᠷᠬᠠᠶ ᠬᠠᠶᠢᠬᠤ ᠡᠷᠭᠡᠨ ᠳᠣᠲᠣᠷ᠎ᠠ ᠡᠬᠢ ᠪᠠᠶᠠᠯᠢᠭ ᠲᠣᠬᠢᠷᠠᠭᠤᠯᠬᠤ ᠪᠠᠷ ᠭᠤᠶᠣᠴᠢᠯᠠᠭᠰᠠᠨ ᠪᠠᠶᠢᠳᠠᠯ᠂ ᠡᠬᠢ | ᠪᠠᠶᠠᠯᠢᠭ ᠲᠣᠬᠢᠷᠠᠭᠤᠯᠬᠤ ᠪᠠᠷ ᠵᠦᠪᠰᠢᠶᠡᠷᠡᠭᠦᠯᠵᠣ ᠣᠯᠤᠭᠰᠠᠨ ᠠᠭᠤᠷᠬᠠᠶ ᠬᠠᠶᠢᠬᠤ ᠡᠷᠬᠡ ᠪᠠ ᠠᠭᠤᠷᠬᠠᠶ ᠮᠠᠯᠲᠠᠬᠤ ᠡᠷᠭᠡᠨ ᠳᠠᠬᠢ ᠲᠣᠬᠢᠷᠠᠭᠤᠯᠬᠤ ᠲᠥᠷᠥᠯ ᠵᠦᠢᠯ ᠤᠨ | ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠦᠭᠦ ᠳᠠᠯ᠎ᠠ ᠪᠠᠷ ᠢᠯᠭᠠᠷᠠᠭᠤᠯᠬᠤ ᠬᠡᠷᠩᠳᠠᠢ᠃ 2018 ᠣᠨ ᠤ 9 ᠳ᠋ᠣᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠡᠯ᠎ᠡ | ᠭᠠᠵᠠᠷ ᠤᠨ ᠬᠢᠨ ᠢᠯᠭᠠᠷᠠᠭᠤᠯᠣᠭᠰᠠᠨ ᠦᠷ᠎ᠡ ᠳ᠋ᠦᠩ ᠢᠶᠠᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠪᠠ ᠮᠡᠳᠡᠭᠡ ᠵᠠᠩᠭᠢᠵᠢᠯᠲᠠ ᠶᠢᠨ ᠵᠥᠪᠯᠡᠯ ᠳᠤ ᠮᠡᠳᠡᠭᠦᠯᠣᠨ | ᠬᠢᠨᠠᠨ ᠬᠠᠷᠭᠤᠭᠤᠯᠵᠣ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠨᠣᠳᠠᠯᠠᠭᠤᠯᠣᠭᠰᠠᠨ ᠤ ᠳᠠᠷᠠᠭ᠎ᠠ᠂ ᠣᠯᠠᠷᠢᠭᠤᠯᠬᠤ ᠶᠢ ᠦᠯᠣ | ᠨᠠᠶᠢᠳᠠᠪᠣᠷᠢᠵᠢᠭᠤᠯᠣᠭᠰᠠᠨ ᠲᠦᠷᠣᠯ ᠵᠦᠢᠯ ᠲᠠᠢ ᠵᠣᠬᠢᠴᠠᠯᠳᠣᠭᠰᠠᠨ ᠡᠬᠢ ᠪᠠᠶᠠᠯᠢᠭ ᠤᠨ ᠬᠡᠮᠵᠢᠶ᠎ᠡ ᠶᠢ ᠡᠬᠢ ᠪᠠᠶᠠᠯᠢᠭ ᠤᠨ ᠪᠠᠶᠢᠭ᠎ᠠ ᠭᠠᠵᠠᠷ ᠤᠨ ᠠᠶᠢᠮᠠᠭ ᠤᠨ ᠵᠠᠬᠢᠷᠭ᠎ᠠ᠂ | ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠪᠣᠴᠠᠭᠠᠵᠣ ᠬᠤᠷᠢᠶᠠᠨ ᠠᠪᠬᠤ ᠶᠢ ᠬᠠᠷᠢᠭᠤᠴᠠᠨ᠎ᠠ᠃ | 2018 ᠣᠨ ᠤ ᠵᠢᠯ ᠤᠨ ᠰᠡᠭᠦᠯᠴᠢ ᠠᠴᠠ ᠡᠮᠦᠨ᠎ᠡ ᠨᠡᠭᠦᠷᠡᠰᠦᠨ ᠤ ᠡᠬᠢ ᠪᠠᠶᠠᠯᠢᠭ ᠲᠣᠬᠢᠷᠠᠭᠤᠯᠬᠤ ᠨᠥᠬᠦᠴᠡᠯ ᠳᠤ ᠨᠠᠶᠢᠴᠡᠭᠰᠠᠨᠨ ᠪᠠᠶᠢᠪᠡᠯ᠂ ᠬᠤᠯᠪᠣᠭᠳᠠᠯ | ᠪᠦᠬᠦᠢ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠨᠢ ᠠᠵᠤ ᠠᠬᠤᠶᠢᠯᠠᠯ ᠢ ᠰᠢᠮᠳᠠᠭᠤᠯᠵᠣ ᠪᠠᠶᠢᠭᠠᠣᠨ ᠲᠥᠷᠥᠯ ᠵᠦᠢᠯ ᠤᠨ ᠪᠥᠳᠥᠭᠡᠨ | ᠪᠠᠶᠢᠭᠤᠯᠤᠯᠲᠠ ᠶᠢ ᠨᠢ ᠲᠦᠷᠭᠡᠳᠬᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠶ ᠳᠤ ᠨᠢ ᠮᠡᠳᠡᠭᠦᠯᠵᠣ ᠲᠣᠬᠢᠷᠠᠭᠤᠯᠬᠤ | ᠳᠡᠰ ᠳᠡᠷᠠᠭᠠᠯᠠᠯ ᠢ ᠨᠢ ᠭᠦᠢᠴᠡᠳᠬᠡᠬᠦ ᠬᠡᠷᠡᠭᠲᠡᠶ᠃ 2019 ᠣᠨ ᠤ 1 ᠳ᠋ᠣᠭᠡᠷ ᠰᠠᠷ᠎ᠠ ᠶᠢᠨ 1 ᠤ ᠡᠳᠣᠷ ᠠᠴᠠ ᠡᠬᠢᠯᠡᠨ᠂ ᠵᠠᠰᠠᠭ ᠤᠨ ᠣᠷᠳᠣᠨ ᠠᠴᠠ ᠨᠡᠭᠦᠷᠡᠰᠦᠨ ᠤ | ᠡᠬᠢ ᠪᠠᠶᠠᠯᠢᠭ ᠲᠣᠬᠢᠷᠠᠭᠤᠯᠬᠤ ᠣᠴᠢᠷ ᠶᠠᠪᠣᠳᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠠᠬᠢᠨ ᠶᠠᠷᠢᠯᠴᠠᠬᠤ ᠦᠭᠡᠢ᠃ ᠬᠤᠯᠪᠣᠭᠳᠠᠯ | ᠪᠦᠬᠦᠢ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠨᠢ ᠣᠯᠣᠰ ᠠᠴᠠ ᠵᠦᠪᠰᠢᠶᠡᠷᠡᠭᠰᠠᠨ ᠴᠠᠬᠢᠯᠭᠠᠨ ᠭᠠᠳᠠᠭᠰᠢ ᠬᠦᠷᠭᠡᠬᠦ ᠲᠦᠷᠣᠯ | ᠵᠦᠢᠯ ᠳᠤ ᠵᠣᠬᠢᠬᠤ ᠨᠡᠭᠦᠷᠡᠰᠦᠨ ᠤ ᠡᠬᠢ ᠪᠠᠶᠠᠯᠢᠭ ᠢ ᠤᠷᠢᠳᠴᠢᠯᠠᠨ ᠦᠯᠡᠳᠡᠭᠡᠭᠦ ᠬᠡᠷᠩᠳᠠᠢ᠃ | ︵ᠲᠤᠯᠤᠭ᠎ᠠ︶ ᠥᠪᠡᠷᠲᠡᠭᠡᠨ ᠵᠠᠰᠠᠬᠤ ᠣᠷᠣᠨ ᠤ ᠲᠣᠬᠢᠷᠠᠭᠤᠯᠣᠭᠰᠠᠨ ᠨᠡᠭᠦᠷᠡᠰᠦᠨ ᠤ ᠠᠭᠤᠷᠬᠠᠶ ᠶᠢᠨ ᠡᠬᠢ ᠪᠠᠶᠠᠯᠢᠭ ᠤᠨ ᠬᠡᠷᠩᠯᠡᠭᠦ ᠡᠷᠬᠡ ᠶᠢ ᠣᠯᠠᠷᠢᠭᠤᠯᠬᠤ | ᠲᠦᠷᠣᠯ ᠵᠦᠢᠯ ᠤᠨ ᠱᠠᠭᠠᠷᠳᠠᠯᠭ᠎ᠠ ᠶᠤᠰᠤᠭᠠᠷ ᠨᠠᠶᠢᠳᠠᠪᠤᠷᠢᠵᠢᠭᠤᠯᠵᠤ᠂ ᠲᠡᠭᠦᠨ ᠤ ᠲᠣᠬᠢᠷᠠᠭᠤᠯᠬᠤ ᠡᠬᠢ ᠪᠠᠶᠠᠯᠢᠭ ᠤᠨ ᠬᠡᠮᠵᠢᠶ᠎ᠡ ᠪᠠᠨ ᠨᠢᠭᠡᠨᠲᠡ ᠤᠤᠯ ᠤᠨ ᠦᠨᠡᠯᠡᠨ | ᠵᠢᠱᠢᠭᠰᠡᠨ ᠠᠭᠤᠷᠬᠠᠶ ᠶᠢᠨ ᠡᠬᠢ ᠪᠠᠶᠠᠯᠢᠭ ᠤᠨ ᠬᠡᠷᠩᠯᠡᠭᠦ ᠡᠷᠬᠡ ᠶᠢᠨ ᠦᠨ᠎ᠡ ᠬᠠᠩᠰᠢ ᠶᠢᠨ ᠵᠣᠭᠤᠰᠣᠨ ᠤ ᠪᠠᠷᠢᠮᠵᠢᠶ᠎ᠠ ᠶᠣᠰᠣᠭᠠᠷ ᠲᠤᠰᠢᠶᠠᠬᠤ ᠶᠢ ᠵᠦᠪᠰᠢᠶᠡᠷᠡᠭᠰᠠᠨ ᠪᠣᠯ᠂ | ᠠᠭᠤᠷᠬᠠᠶ ᠶᠢᠨ ᠡᠬᠢ ᠪᠠᠶᠠᠯᠢᠭ ᠤᠨ ᠬᠡᠷᠩᠯᠡᠭᠦ ᠡᠷᠭᠡ ᠶᠢᠨ ᠬᠢᠮᠳᠠ ᠪᠠᠷ ᠬᠤᠳᠠᠯᠳᠣᠭᠰᠠᠨ ᠠᠰᠢᠭ ᠣᠯᠵᠠᠪᠣᠷᠢ ᠪᠠᠨ ᠳᠠᠬᠢᠵᠣ ᠲᠤᠰᠢᠶᠠᠬᠤ ᠦᠭᠡᠢ᠃ ᠠᠰᠳᠠᠭᠠᠨ | ᠲᠣᠬᠢᠷᠠᠭᠤᠯᠣᠭᠰᠠᠨ ᠪᠤᠰᠤᠳ ᠡᠬᠢ ᠪᠠᠶᠠᠯᠢᠭ ᠤᠨ ᠬᠡᠮᠵᠢᠶ᠎ᠡ ᠳᠤ᠂ ᠤᠳᠤ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠶᠢᠨ ᠶᠣᠰᠣᠭᠠᠷ ᠠᠭᠤᠷᠬᠠᠶ ᠶᠢᠨ ᠡᠬᠢ ᠪᠠᠶᠠᠯᠢᠭ ᠤᠨ | ᠬᠡᠷᠩᠯᠡᠭᠦ ᠡᠷᠭᠡ ᠶᠢᠨ ᠬᠢᠮᠳᠠ ᠪᠠᠷ ᠬᠤᠳᠠᠯᠳᠣᠭᠰᠠᠨ ᠠᠰᠢᠭ ᠣᠯᠵᠠᠪᠣᠷᠢ ᠲᠤᠰᠢᠶᠠᠬᠤ ᠬᠡᠷᠡᠭᠲᠡᠶ᠃ ᠠᠭᠤᠷᠬᠠᠢ ᠶᠢᠨ ᠬᠤᠳᠳᠤᠭ ᠤᠨ ᠳᠣᠲᠣᠷᠠᠬᠢ ᠲᠣᠬᠢᠷᠠᠭᠤᠯᠣᠭᠠᠳᠣᠢ | ᠡᠬᠢ ᠪᠠᠶᠠᠯᠢᠭ ᠤᠨ ᠬᠡᠮᠵᠢᠶ᠎ᠡ ︵ᠦᠪᠡᠷᠳᠡᠭᠡᠨ ᠵᠠᠰᠠᠬᠤ ᠣᠷᠣᠨ ᠤ ᠲᠣᠭᠳᠠᠭᠠᠭᠰᠠᠨ ᠤᠯᠤᠰ ᠤᠨ ᠥᠮᠴᠢᠯᠡᠯᠳᠣ ᠲᠤᠰᠠᠭᠠᠷ ᠪᠡᠯᠨ ᠣᠷᠣᠭᠤᠯᠣᠭᠰᠠᠨ ᠠᠵᠤ | ᠠᠬᠤᠶᠢᠯᠠᠯ ᠠᠴᠠ ᠣᠷᠣᠯᠠᠨ ᠡᠵᠡᠮᠰᠢᠵᠣ ᠪᠠᠶᠢᠭ᠎ᠠ ᠡᠬᠢ ᠪᠠᠶᠠᠯᠢᠭ ᠤᠨ ᠬᠡᠮᠵᠢᠶ᠎ᠡ ᠪᠠ ᠢᠯᠭᠠᠷᠠᠭᠤᠯᠵᠣ ᠪᠣᠴᠠᠭᠠᠨ ᠬᠤᠷᠢᠶᠠᠵᠤ ᠠᠪᠤᠭᠰᠠᠨ ᠡᠬᠢ ᠪᠠᠶᠠᠯᠢᠭ ᠤᠨ ᠬᠡᠮᠵᠢᠶ᠎ᠡ | ᠪᠠᠭᠳᠠᠨ᠎ᠠ︶ ᠶᠢ ᠪᠣᠯ᠂ ᠡᠬᠢ ᠪᠠᠶᠠᠯᠢᠭ ᠤᠨ ᠪᠠᠶᠢᠭ᠎ᠠ ᠭᠠᠵᠠᠷ ᠤᠨ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠰᠠᠨᠠᠯ ᠳᠤᠷᠠᠳᠴᠤ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠣ ᠵᠥᠪᠰᠢᠶᠡᠷᠡᠭᠦᠯᠦᠭᠰᠡᠨ ᠤ ᠲᠠᠷᠠᠭ᠎ᠠ᠂ ᠦᠯᠡᠳᠡᠭᠰᠡᠨ ᠡᠬᠢ ᠪᠠᠶᠠᠯᠢᠭ ᠤᠨ | ᠬᠡᠮᠵᠢᠶᠡᠨ ᠤ ᠠᠭᠤᠷᠬᠠᠶ ᠶᠢᠨ ᠡᠬᠢ ᠪᠠᠶᠠᠯᠢᠭ ᠤᠨ ᠬᠡᠷᠩᠯᠡᠭᠦ ᠡᠷᠬᠡ ᠶᠢ ᠬᠢᠮᠳᠠ ᠪᠠᠷ ᠬᠤᠳᠠᠯᠳᠣᠬᠤ ᠠᠰᠢᠭ ᠣᠯᠵᠠᠪᠤᠷᠢ ᠪᠠ ᠡᠵᠡᠮᠰᠢᠭᠦ ᠠᠵᠤ ᠠᠬᠤᠶᠢᠯᠠᠯ ᠢ ᠢᠯᠡ ᠪᠠᠷ | ᠦᠨ᠎ᠡ ᠬᠠᠶᠠᠯᠴᠠᠨ ᠥᠷᠢᠰᠥᠯᠳᠦᠬᠦ ᠠᠷᠭ᠎ᠠ ᠬᠡᠯᠪᠡᠷᠢ ᠪᠠᠷ ᠲᠣᠭᠲᠠᠭᠠᠵᠤ᠂ ᠠᠳᠠᠯᠢ ᠨᠥᠬᠦᠴᠡᠯ ᠳᠣᠣᠷ᠎ᠠ ᠲᠤᠰ ᠠᠭᠤᠷᠬᠠᠢ ᠶᠢᠨ ᠬᠤᠳᠳᠤᠭ ᠤᠨ ᠭᠤᠣᠯ ᠴᠣᠭᠴᠠᠳᠣ | ᠠᠵᠤ ᠠᠬᠤᠶᠢᠯᠠᠯ ᠨᠢ ᠡᠩ ᠳᠡᠷᠢᠭᠦᠨ ᠳᠤ ᠣᠯᠣᠭᠰᠠᠨ ᠪᠠᠶᠢᠬᠤ ᠬᠡᠷᠩᠳᠠᠢ᠃ ᠦᠨ᠎ᠡ ᠬᠠᠶᠠᠯᠴᠠᠨ ᠥᠷᠢᠰᠥᠯᠳᠦᠭᠰᠡᠨ ᠦᠷ᠎ᠡ ᠳ᠋ᠦᠩ ᠵᠢᠴᠢ ᠬᠠᠮᠢᠶ᠎ᠠ ᠪᠥᠬᠦᠢ | ᠮᠠᠲ᠋ᠧᠷᠢᠶᠠᠯ ᠢ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ | ᠬᠦᠷᠭᠡᠬᠦ ᠬᠡᠷᠡᠭᠲᠡᠶ᠃ ᠡᠬᠢ ᠪᠠᠶᠠᠯᠢᠭ ᠲᠣᠬᠢᠷᠠᠭᠤᠯᠬᠤ ᠳᠤ ᠬᠤᠯᠪᠣᠭᠳᠠᠭᠰᠠᠨ ᠡᠯ᠎ᠡ ᠠᠵᠤ ᠠᠬᠤᠶᠢᠯᠠᠯ ᠪᠠ ᠦᠯᠡᠳᠡᠭᠰᠡᠨ ᠡᠬᠢ ᠪᠠᠶᠠᠯᠢᠭ ᠢ ᠥᠷᠢᠰᠥᠯᠳᠦᠵᠣ ᠣᠯᠣᠭᠰᠠᠨ | ᠠᠵᠤ ᠠᠬᠤᠶᠢᠯᠠᠯ ᠨᠢ ᠨᠢᠭᠡ ᠨᠡᠭᠡᠭᠡᠨ ᠭᠦᠭᠵᠢᠭᠦᠯᠭᠦ ᠭᠤᠣᠯ ᠴᠣᠭᠴᠠ ᠪᠣᠯᠵᠣ ᠪᠦᠷᠢᠯᠳᠣᠨ᠂ ᠠᠭᠤᠷᠬᠠᠶ ᠬᠠᠶᠢᠬᠤ ᠡᠷᠬᠡ ᠪᠠᠨ ᠠᠭᠤᠷᠬᠠᠶ ᠮᠠᠯᠲᠠᠬᠤ ᠡᠷᠬᠡ ᠪᠣᠯᠭᠠᠨ | ᠬᠤᠪᠢᠷᠠᠭᠤᠯᠬᠤ ᠶᠢ ᠨᠢᠭᠡᠳᠦᠯᠲᠡᠶ ᠭᠤᠶᠤᠴᠢᠯᠠᠨ ᠭᠦᠢᠴᠡᠣᠡᠭᠡᠭᠦ ᠬᠡᠷᠡᠭᠲᠡᠶ᠃ ᠨᠢᠭᠡᠨᠳᠠ ᠪᠠᠶᠢᠭ᠎ᠠ ᠠᠭᠤᠷᠬᠠᠶ ᠮᠠᠯᠲᠠᠬᠤ ᠡᠷᠭᠡ ᠶᠢᠨ ᠳᠣᠲᠣᠷ᠎ᠠ ᠬᠡᠳᠣ ᠲᠣᠬᠢᠷᠠᠭᠤᠯᠤᠭᠰᠠᠨ | ᠨᠡᠭᠦᠷᠡᠰᠦᠨ ᠤ ᠡᠬᠢ ᠪᠠᠶᠠᠯᠢᠭ ᠤᠨ ᠬᠡᠮᠵᠢᠶ᠎ᠡ ᠶᠢ ᠢᠯᠭᠠᠷᠠᠭᠤᠯᠵᠣ ᠪᠣᠴᠠᠭᠠᠨ ᠬᠤᠷᠢᠶᠠᠵᠤ ᠠᠪᠣᠭᠰᠠᠨ ᠪᠣᠯ᠂ ᠵᠠᠷᠴᠢᠮ ᠳᠡᠭᠡᠷ᠎ᠡ ᠪᠠᠨ ᠤᠳᠤ ᠶᠢᠨ ᠠᠭᠤᠷᠬᠠᠶ ᠮᠠᠯᠲᠠᠬᠤ | ᠡᠷᠬᠡᠲᠦ ᠬᠥᠮᠦᠨ ᠨᠢ ᠠᠭᠤᠷᠬᠠᠶ ᠶᠢᠨ ᠡᠬᠢ ᠪᠠᠶᠠᠯᠢᠭ ᠤᠨ ᠬᠡᠷᠩᠯᠡᠭᠦ ᠡᠷᠬᠡ ᠶᠢ ᠬᠢᠮᠳᠠ ᠪᠠᠷ ᠬᠤᠳᠠᠯᠳᠣᠭᠰᠠᠨ ᠤ ᠠᠰᠢᠭ ᠣᠯᠵᠠᠪᠤᠷᠢ ᠶᠢᠨ ᠦᠨ᠎ᠡ ᠶᠢᠨ ᠵᠥᠷᠢᠶ᠎ᠡ ᠶᠢ | ᠨᠦᠭᠦᠪᠣᠷᠢᠯᠡᠨ ᠲᠣᠰᠢᠶᠠᠬᠤ ᠬᠡᠷᠩᠳᠠᠢ᠃ | ︵ᠨᠠᠢᠮᠠ︶ ᠠᠵᠤ ᠠᠬᠤᠶᠢᠯᠠᠯ ᠨᠢ ᠣᠷᠢᠣᠨ ᠢᠶᠠᠷ ᠭᠤᠶᠤᠴᠢᠯᠠᠬᠤ ᠠᠷᠭ᠎ᠠ ᠬᠡᠯᠪᠡᠷᠢ ᠪᠠᠷ ᠦᠨ᠎ᠠ ᠲᠥᠯᠥᠪᠦᠷᠢ ᠲᠠᠢ ᠣᠯᠤᠭᠰᠠᠨ ᠠᠭᠤᠷᠬᠠᠶ ᠶᠢᠨ ᠡᠬᠢ | ᠪᠠᠶᠠᠯᠢᠭ ᠤᠨ ᠬᠡᠷᠩᠯᠡᠭᠦ ᠡᠷᠬᠡ ᠶᠢ᠂ ᠣᠯᠠᠷᠢᠭᠤᠯᠬᠤ ᠲᠦᠷᠣᠯ ᠵᠦᠢᠯ ᠢᠶᠠᠷ ᠨᠠᠶᠢᠳᠠᠪᠤᠷᠢᠵᠢᠭᠤᠯᠵᠣ᠂ ᠲᠡᠭᠦᠨ ᠤ ᠲᠣᠬᠢᠷᠠᠭᠤᠯᠬᠤ ᠡᠬᠢ ᠪᠠᠶᠠᠯᠢᠭ ᠤᠨ ᠬᠡᠮᠵᠢᠶ᠎ᠡ ᠪᠠᠨ | ᠨᠢᠭᠡᠨᠲᠡ ᠤᠤᠯ ᠤᠨ ᠦᠨᠡᠯᠡᠨ ᠵᠢᠱᠢᠭᠰᠡᠨ ᠠᠭᠤᠷᠬᠠᠶ ᠶᠢᠨ ᠡᠬᠢ ᠪᠠᠶᠠᠯᠢᠭ ᠤᠨ ᠬᠡᠷᠩᠯᠡᠭᠦ ᠡᠷᠬᠡ ᠶᠢᠨ ᠦᠨ᠎ᠡ ᠬᠠᠩᠰᠢ ᠶᠢᠨ ᠵᠣᠭᠤᠰᠣᠨ ᠤ ᠪᠠᠷᠢᠮᠵᠢᠶ᠎ᠠ ᠶᠣᠰᠣᠭᠠᠷ | ᠲᠤᠰᠢᠶᠠᠬᠤ ᠶᠢ ᠵᠦᠪᠰᠢᠶᠡᠷᠡᠭᠰᠠᠨ ᠪᠣᠯ᠂ ᠠᠭᠤᠷᠬᠠᠢ ᠶᠢᠨ ᠡᠭᠢ ᠪᠠᠶᠠᠯᠢᠭ ᠤᠨ ᠬᠡᠷᠩᠯᠡᠭᠦ ᠡᠷᠭᠡ ᠶᠢᠨ ᠬᠢᠮᠳᠠ ᠪᠠᠷ ᠬᠤᠳᠠᠯᠳᠣᠭᠰᠠᠨ ᠠᠰᠢᠭ ᠣᠯᠵᠠᠪᠣᠷᠢ ᠶᠢ ᠳᠠᠬᠢᠵᠣ | ᠲᠤᠰᠢᠶᠠᠬᠤ ᠦᠭᠡᠢ᠃ ᠠᠭᠤᠷᠬᠠᠢ ᠶᠢᠨ ᠬᠤᠳᠳᠤᠭ ᠤᠨ ᠲᠣᠬᠢᠷᠠᠭᠤᠯᠣᠭᠠᠳᠣᠢ ᠡᠬᠢ ᠪᠠᠶᠠᠯᠢᠭ ᠤᠨ ᠬᠡᠮᠵᠢᠶ᠎ᠡ ᠳᠤ᠂ ᠠᠭᠤᠷᠬᠠᠶ ᠶᠢᠨ ᠡᠬᠢ ᠪᠠᠶᠠᠯᠢᠭ ᠤᠨ ᠬᠡᠷᠩᠯᠡᠭᠦ | ᠡᠷᠭᠡᠳᠣ ᠬᠥᠮᠦᠨ ᠨᠢ ᠠᠭᠤᠷᠬᠠᠶ ᠶᠢᠨ ᠡᠬᠢ ᠪᠠᠶᠠᠯᠢᠭ ᠤᠨ ᠬᠡᠷᠩᠯᠡᠭᠦ ᠡᠷᠬᠡ ᠶᠢ ᠬᠢᠮᠳᠠ ᠪᠠᠷ ᠬᠤᠳᠠᠯᠳᠣᠭᠰᠠᠨ ᠠᠰᠢᠭ ᠣᠯᠵᠠᠪᠤᠷᠢ ᠶᠢᠨ ᠦᠨ᠎ᠡ ᠶᠢᠨ ᠵᠥᠷᠢᠶ᠎ᠡ ᠶᠢ | ᠲᠣᠰᠢᠶᠠᠬᠤ ᠲᠣᠷᠠᠳᠠᠢ ᠪᠣᠯ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ | ᠲᠣᠭᠲᠠᠭᠠᠯ ᠶᠣᠰᠣᠭᠠᠷ ᠬᠠᠮᠢᠶ᠎ᠠ ᠪᠦᠬᠦᠢ ᠭᠠᠷᠳᠠᠮ ᠢ ᠭᠦᠢᠴᠡᠣᠡᠭᠡᠵᠣ ᠦᠭᠭᠦ ᠬᠡᠷᠡᠭᠲᠡᠶ᠃ 365赢多少钱会被限额_国内有真正的365平台吗_365bet博彩官网 | ︵ᠶᠢᠰᠦ︶ ᠥᠪᠡᠷᠲᠡᠭᠡᠨ ᠵᠠᠰᠠᠬᠤ ᠣᠷᠣᠨ ᠤ ᠲᠦᠷᠤ ᠶᠢᠨ ᠪᠤᠲᠤᠯᠭ᠎ᠠ ᠶᠢᠨ ᠱᠠᠭᠠᠷᠳᠠᠯᠭ᠎ᠠ ᠶᠢ ᠢᠳᠡᠪᠬᠢᠲᠡᠶ ᠭᠦᠢᠴᠡᠳᠬᠡᠵᠣ ᠪᠠᠶᠢᠭ᠎ᠠ ᠠᠭᠤᠷᠬᠠᠶ ᠶᠢᠨ ᠡᠬᠢ | ᠪᠠᠶᠠᠯᠢᠭ ᠤᠨ ᠬᠡᠷᠩᠯᠡᠭᠦ ᠡᠷᠭᠡᠳᠣ ᠬᠥᠮᠦᠨ ᠳᠤ᠂ ᠬᠠᠮᠢᠶ᠎ᠠ ᠪᠦᠬᠦᠢ ᠠᠶᠢᠮᠠᠭ ᠬᠤᠳᠠ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ | ᠳᠡᠮᠵᠢᠯᠭᠡ ᠦᠵᠡᠭᠦᠯᠵᠣ᠂ ᠠᠵᠤ ᠠᠬᠤᠶᠢᠯᠠᠯ ᠤᠨ ᠨᠡᠭᠦᠷᠡᠰᠦᠨ ᠤ ᠡᠬᠢ ᠪᠠᠶᠠᠯᠢᠭ ᠢ ᠨᠡᠭᠡᠭᠡᠨ ᠭᠦᠭᠵᠢᠭᠦᠯᠭᠦ ᠳᠤ ᠪᠦᠷᠢᠯᠳᠣᠭᠦᠯᠪᠡᠰᠣ ᠵᠣᠬᠢᠬᠤ ᠡᠯ᠎ᠡ ᠵᠦᠢᠯ ᠤᠨ | ᠵᠥᠪᠰᠢᠶᠡᠷᠡᠭᠦ ᠭᠠᠷᠳᠠᠮ ᠢ ᠳᠠᠷᠣᠢ ᠲᠦᠷᠭᠡᠨ ᠣᠯᠬᠤ ᠶᠢ ᠨᠢ ᠠᠬᠢᠭᠤᠯᠬᠤ ᠬᠡᠷᠡᠭᠲᠡᠶ᠃ | ᠭᠤᠷᠪᠠ᠂ ᠨᠡᠭᠦᠷᠡᠰᠦᠨ ᠠᠭᠤᠷᠬᠠᠶ ᠶᠢᠨ ᠡᠬᠢ ᠪᠠᠶᠠᠯᠢᠭ ᠤᠨ ᠬᠡᠷᠩᠯᠡᠭᠦ ᠡᠷᠬᠡ ᠶᠢ ᠬᠢᠮᠳᠠ ᠪᠠᠷ ᠬᠤᠳᠠᠯᠳᠣᠭᠰᠠᠨ ᠠᠰᠢᠭ ᠣᠯᠵᠠᠪᠤᠷᠢ ᠶᠢᠨ ᠪᠠᠷᠢᠮᠵᠢᠶ᠎ᠠ ᠪᠠ | ᠲᠤᠰᠢᠶᠠᠬᠤ ᠠᠷᠭ᠎ᠠ ᠬᠡᠯᠪᠡᠷᠢ | ︵ᠠᠷᠪᠠ︶ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ | ᠠᠭᠤᠷᠬᠠᠶ ᠶᠢᠨ ᠡᠬᠢ ᠪᠠᠶᠠᠯᠢᠭ ᠤᠨ ᠬᠡᠷᠩᠯᠡᠭᠦ ᠡᠷᠭᠡᠳᠣ ᠬᠥᠮᠦᠨ ᠤ ᠲᠦᠷᠣᠭᠦᠴᠢ ᠬᠤᠭᠤᠴᠠᠭᠠᠨ ᠳᠤ ᠲᠤᠰᠢᠶᠠᠬᠤ ᠠᠭᠤᠷᠬᠠᠶ ᠶᠢᠨ ᠡᠬᠢ ᠪᠠᠶᠠᠯᠢᠭ ᠤᠨ ᠬᠡᠷᠩᠯᠡᠭᠦ ᠡᠷᠬᠡ ᠶᠢ | ᠬᠢᠮᠳᠠ ᠪᠠᠷ ᠬᠤᠳᠠᠯᠳᠣᠭᠰᠠᠨ ᠠᠰᠢᠭ ᠣᠯᠵᠠᠪᠤᠷᠢ ᠨᠢ ᠠᠭᠤᠷᠬᠠᠶ ᠶᠢᠨ ᠡᠬᠢ ᠪᠠᠶᠠᠯᠢᠭ ᠤᠨ ᠬᠡᠷᠩᠯᠡᠭᠦ ᠡᠷᠬᠡ ᠶᠢ ᠬᠢᠮᠳᠠ ᠪᠠᠷ ᠬᠤᠳᠠᠯᠳᠣᠭᠰᠠᠨ ᠶᠡᠷᠦᠩᠬᠡᠶ ᠠᠰᠢᠭ | ᠣᠯᠵᠠᠪᠣᠷᠢ ᠶᠢᠨ 20% ᠠᠴᠠ ᠲᠣᠣᠷ᠎ᠠ ᠪᠠᠶᠢᠵᠣ ᠪᠣᠯᠬᠤ ᠦᠭᠡᠢ᠂ ᠦᠯᠡᠳᠡᠭᠰᠠᠨ ᠬᠡᠰᠡᠭ ᠢ ᠨᠢ ᠠᠭᠤᠷᠬᠠᠶ ᠮᠠᠯᠲᠠᠬᠤ ᠡᠷᠬᠡ ᠶᠢᠨ ᠬᠤᠭᠤᠴᠠᠭᠠᠨ ᠳᠤ᠂ ᠬᠤᠭᠤᠴᠠᠭ᠎ᠠ | ᠬᠤᠪᠢᠶᠠᠵᠤ ᠲᠣᠭᠲᠠᠭᠠᠯ ᠶᠣᠰᠣᠭᠠᠷ ᠲᠤᠰᠢᠶᠠᠬᠤ ᠬᠡᠷᠩᠳᠠᠢ᠃ | ︵ᠠᠷᠪᠠᠨ ᠨᠢᠭᠡ︶ ᠨᠡᠭᠦᠷᠡᠰᠣ ᠦᠭᠡᠢ ᠬᠤᠭᠤᠰᠣᠨ ᠣᠷᠣᠨ ᠳᠤ ᠲᠡᠭᠰᠢ ᠳᠥᠷᠪᠡᠯᠵᠢᠨ ᠺᠢᠯᠣᠮᠧᠲᠷ ᠪᠦᠷᠢ ᠳᠤ ᠪᠠᠨ 1 ᠲᠦᠮᠡᠨ ᠲᠥᠭᠦᠷᠢᠭ ᠤᠨ ᠪᠠᠷᠢᠮᠵᠢᠶ᠎ᠠ ᠪᠠᠷ | ᠬᠡᠰᠡᠭ ᠠᠭᠤᠷᠬᠠᠶ ᠬᠠᠶᠢᠬᠤ ᠡᠷᠬᠡ ᠶᠢᠨ ᠦᠨ᠎ᠡ ᠬᠠᠩᠰᠢ ᠶᠢᠨ ᠵᠣᠭᠤᠰ ᠲᠣᠰᠢᠶᠠᠭᠰᠠᠨ ᠨᠡᠭᠦᠷᠡᠰᠣᠨ ᠤ ᠠᠭᠤᠷᠬᠠᠢ ᠬᠠᠶᠢᠬᠤ ᠡᠷᠭᠡ ᠲᠠᠢ ᠪᠤᠶᠤ ᠨᠢᠭᠡᠨᠲᠡ ᠠᠭᠤᠷᠬᠠᠶ | ᠮᠠᠯᠲᠠᠬᠤ ᠡᠷᠬᠡ ᠪᠣᠯᠭᠠᠨ ᠬᠤᠪᠢᠷᠠᠭᠤᠯᠣᠭᠰᠠᠨ ᠪᠣᠯ᠂ ᠣᠯᠠᠷᠢᠭᠤᠯᠬᠤ ᠲᠦᠷᠣᠯ ᠵᠦᠢᠯ ᠢ ᠨᠠᠶᠢᠳᠠᠪᠤᠷᠢᠵᠢᠭᠤᠯᠤᠭᠠᠳᠤᠶ ᠬᠡᠰᠡᠭ ᠲᠤ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠠᠭᠤᠷᠬᠠᠶ ᠶᠢᠨ ᠡᠬᠢ ᠪᠠᠶᠠᠯᠢᠭ ᠤᠨ ᠬᠡᠷᠩᠯᠡᠭᠦ ᠡᠷᠬᠡ ᠶᠢ ᠬᠢᠮᠳᠠ ᠪᠠᠷ ᠬᠤᠳᠠᠯᠳᠣᠭᠰᠠᠨ ᠠᠰᠢᠭ ᠣᠯᠵᠠᠪᠤᠷᠢ ᠶᠢ ᠨᠢ ᠦᠨᠡᠯᠡᠨ ᠵᠢᠱᠢᠵᠣ᠂ ᠠᠭᠤᠷᠬᠠᠶ ᠬᠠᠶᠢᠬᠤ | ᠡᠷᠭᠡᠳᠣ ᠭᠦᠮᠣᠨ ᠪᠤᠶᠤ ᠠᠭᠤᠷᠬᠠᠶ ᠮᠠᠯᠲᠠᠬᠤ ᠡᠷᠭᠡᠳᠣ ᠬᠥᠮᠦᠨ ᠨᠢ ᠨᠢᠭᠡᠨᠲᠡ ᠲᠤᠰᠢᠶᠠᠭᠰᠠᠨ ᠵᠠᠷᠤᠳᠠᠯ ᠤᠨ ᠰᠠᠭᠤᠯᠭᠠᠨ ᠬᠠᠰᠤᠭᠰᠠᠨ ᠤ ᠳᠠᠷᠠᠭᠠᠬᠢ ᠠᠭᠤᠷᠬᠠᠶ ᠶᠢᠨ ᠡᠬᠢ | ᠪᠠᠶᠠᠯᠢᠭ ᠤᠨ ᠬᠡᠷᠩᠯᠡᠭᠦ ᠡᠷᠬᠡ ᠶᠢ ᠬᠢᠮᠳᠠ ᠪᠠᠷ ᠬᠤᠳᠠᠯᠳᠣᠭᠰᠠᠨ ᠠᠰᠢᠭ ᠣᠯᠵᠠᠪᠤᠷᠢ ᠪᠠᠨ ᠲᠣᠭᠳᠠᠭᠠᠯ ᠶᠣᠰᠣᠭᠠᠷ ᠲᠣᠰᠢᠶᠠᠬᠤ ᠬᠡᠷᠩᠳᠠᠢ᠃ | ︵ᠠᠷᠪᠠᠨ ᠬᠤᠶᠠᠷ︶ 30 ᠵᠢᠯ ᠢᠶᠠᠷ ᠦᠨᠡᠯᠡᠨ ᠵᠢᠱᠢᠭᠰᠡᠨ ᠠᠭᠤᠷᠬᠠᠶ ᠬᠠᠶᠢᠬᠤ ᠡᠷᠬᠡ ᠪᠤᠶᠤ ᠠᠭᠤᠷᠬᠠᠶ ᠮᠠᠯᠲᠠᠬᠤ ᠡᠷᠬᠡ ᠶᠢᠨ ᠦᠨ᠎ᠡ ᠶᠢᠨ ᠵᠣᠭᠤᠰ ᠢ ᠨᠢᠭᠡᠨᠲᠡ | ᠲᠣᠰᠢᠶᠠᠭᠰᠠᠨ ᠠᠭᠤᠷᠬᠠᠶ ᠮᠠᠯᠲᠠᠬᠤ ᠡᠷᠬᠡ ᠲᠠᠢ ᠪᠣᠯ᠂ ᠬᠠᠷᠭᠤᠭᠤᠯᠣᠨ ᠲᠣᠭᠲᠠᠭᠠᠭᠰᠠᠨ ᠦᠢᠯᠡᠳᠪᠦᠷᠢᠯᠡᠯ ᠤᠨ ᠴᠢᠳᠠᠪᠤᠷᠢ ᠪᠠᠨ ᠳᠡᠭᠡᠭᠰᠢᠯᠡᠭᠦᠯᠣᠭ᠍ᠰᠡᠨ ᠢ ᠨᠢ ᠳᠠᠬᠢᠵᠤ | ᠦᠨᠡᠯᠡᠨ ᠵᠢᠱᠢᠵᠣ᠂ ᠠᠭᠤᠷᠬᠠᠶ ᠮᠠᠯᠲᠠᠬᠤ ᠡᠷᠬᠡ ᠶᠢ ᠬᠢᠮᠳᠠ ᠪᠠᠷ ᠬᠤᠳᠠᠯᠳᠣᠭᠰᠠᠨ ᠵᠣᠬᠢᠬᠤ ᠠᠰᠢᠭ ᠣᠯᠵᠠᠪᠣᠷᠢ ᠶᠢ ᠨᠢ ᠰᠢᠢᠣᠡᠪᠣᠷᠢᠯᠡᠨ᠎ᠠ᠃ | ︵ᠠᠷᠪᠠᠨ ᠭᠤᠷᠪᠠ︶ ᠥᠪᠡᠷᠲᠡᠭᠡᠨ ᠵᠠᠰᠠᠬᠤ ᠣᠷᠣᠨ ᠨᠡᠭᠦᠷᠡᠰᠦᠨ ᠤ ᠠᠭᠤᠷᠬᠠᠶ ᠶᠢᠨ ᠡᠬᠢ ᠪᠠᠶᠠᠯᠢᠭ ᠤᠨ ᠬᠡᠷᠩᠯᠡᠭᠦ ᠡᠷᠬᠡ ᠶᠢ ᠬᠢᠮᠳᠠ ᠪᠠᠷ ᠬᠤᠳᠠᠯᠳᠣᠭᠰᠠᠨ | ᠠᠰᠢᠭ ᠣᠯᠵᠠᠪᠤᠷᠢ ᠠᠴᠠ ᠵᠣᠬᠢᠬᠤ ᠬᠠᠷᠢᠴᠠᠯ ᠤᠨ ᠪᠡᠯᠨ ᠮᠦᠩᠭᠦ ᠭᠠᠷᠭᠠᠨ ᠠᠪᠴᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠭᠦ ᠲᠤᠰᠬᠠᠶ | ᠵᠦᠢᠯ ᠤᠨ ᠪᠡᠯᠡ ᠮᠥᠩᠭᠦ ᠪᠠᠶᠢᠭᠤᠯᠵᠣ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠵᠤ ᠲᠡᠰ ᠳᠡᠪᠰᠢᠭᠦᠯᠭᠦ ᠶᠢ ᠳᠡᠮᠵᠢᠬᠦ ᠳᠤ ᠬᠡᠷᠡᠭᠯᠡᠵᠦ᠂ ᠠᠵᠤ ᠦᠢᠯᠡᠳᠪᠦᠷᠢ ᠶᠢᠨ | ᠴᠢᠨᠠᠷᠵᠢᠭᠤᠨ ᠢᠶᠠᠷ ᠭᠦᠭᠵᠢᠭᠦ ᠶᠢ ᠪᠡᠶᠡᠯᠡᠭᠦᠯᠬᠦ ᠶᠢ ᠨᠢ ᠠᠬᠢᠭᠤᠯᠣᠨ᠎ᠠ᠃ | ᠲᠦᠷᠪᠡ᠂ ᠬᠢᠨᠠᠯᠳᠠ ᠳᠠᠯᠪᠢᠵᠣ ᠬᠠᠮᠢᠶᠠᠷᠬᠤ ᠠᠷᠭ᠎ᠠ ᠬᠡᠮᠵᠢᠶ᠎ᠡ | ︵ᠠᠷᠪᠠᠨ ᠲᠦᠷᠪᠡ︶ ᠨᠡᠭᠦᠷᠡᠰᠣᠨ ᠤ ᠵᠠᠬ᠎ᠠ ᠳᠡᠯᠭᠡᠭᠦᠷᠴᠢᠯᠠᠨ ᠬᠢᠮᠳᠠ ᠪᠠᠷ ᠬᠤᠳᠠᠯᠳᠣᠬᠤ ᠠᠵᠢᠯ ᠢ ᠪᠦᠬᠦ ᠲᠠᠯ᠎ᠠ ᠪᠠᠷ ᠠᠬᠢᠭᠤᠯᠬᠤ ᠪᠣᠯ ᠨᠢᠭᠡ ᠵᠦᠢᠯ ᠤᠨ | ᠴᠢᠬᠤᠯᠨ ᠲᠦᠷᠦ ᠶᠢᠨ ᠪᠤᠳᠤᠯᠭ᠎ᠠ ᠶᠢᠨ ᠲᠤᠬᠢᠷᠠᠭᠤᠯᠤᠯᠳᠠ ᠪᠣᠯᠣᠨ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠪᠠ | ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠣ᠂ ᠡᠭᠦᠷᠭᠡ ᠬᠠᠷᠢᠭᠤᠴᠠᠯᠭ᠎ᠠ ᠪᠠᠨ ᠦᠨᠡᠨ ᠬᠦ | ᠭᠦᠢᠴᠡᠳᠬᠡᠬᠦ ᠬᠡᠷᠡᠭᠲᠡᠶ᠃ ᠬᠤᠯᠪᠣᠭᠳᠠᠯ ᠪᠦᠬᠦᠢ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠪᠣᠯ ᠡᠨᠡ ᠬᠦ ᠠᠵᠢᠯ ᠢ ᠬᠠᠷᠢᠭᠤᠴᠠᠬᠤ | ᠭᠤᠣᠯ ᠴᠣᠭᠴᠠ ᠪᠠᠶᠢᠵᠣ᠂ ᠡᠯ᠎ᠡ ᠵᠦᠢᠯ ᠤᠨ ᠠᠵᠢᠯ ᠳᠤ ᠬᠢᠨᠠᠯᠲᠠ ᠲᠠᠯᠪᠢᠬᠤ ᠪᠠ ᠲᠦᠯᠬᠢᠨ ᠠᠬᠢᠭᠤᠯᠬᠤ ᠶᠢ ᠬᠠᠷᠢᠭᠤᠴᠠᠬᠤ ᠬᠡᠷᠡᠭᠲᠡᠶ᠃ ᠥᠪᠡᠷᠲᠡᠭᠡᠨ ᠵᠠᠰᠠᠬᠤ | ᠣᠷᠣᠨ ᠤ ᠬᠤᠯᠪᠣᠭᠳᠠᠯ ᠪᠥᠬᠦᠢ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠰᠠᠯᠠᠭ᠎ᠠ ᠮᠥᠴᠢᠷ ᠤᠨ | ᠬᠠᠮᠵᠢᠯᠴᠠᠭ᠎ᠠ ᠪᠠᠨ ᠴᠢᠩᠭᠠᠳᠬᠠᠨ᠂ ᠬᠤᠯᠪᠣᠭᠳᠠᠯ ᠪᠥᠬᠦᠢ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠯᠤᠭ᠎ᠠ ᠨᠢᠭᠲᠠ | ᠬᠠᠮᠵᠢᠯᠴᠠᠨ᠂ ᠠᠵᠢᠯ ᠤᠨ ᠨᠠᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠶ᠃ ᠲᠣᠭᠳᠠᠭᠠᠭᠰᠠᠨ ᠱᠠᠭᠠᠷᠳᠠᠯᠭ᠎ᠠ ᠶᠣᠰᠣᠭᠠᠷ ᠭᠦᠢᠴᠡᠳᠬᠡᠭᠦ ᠦᠭᠡᠢ ᠠᠵᠤ ᠠᠬᠤᠶᠢᠯᠠᠯ ᠳᠤ᠂ | ᠡᠯ᠎ᠡ ᠰᠠᠯᠠᠭ᠎ᠠ ᠮᠥᠴᠢᠷ ᠨᠢ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ᠂ ᠬᠠᠮᠢᠶ᠎ᠠ ᠪᠦᠬᠦᠢ ᠭᠠᠷᠳᠠᠮ ᠢ ᠴᠢᠩᠭ᠎ᠠ ᠬᠢᠨᠠᠨ | ᠪᠠᠶᠢᠴᠠᠭᠠᠵᠤ᠂ ᠠᠵᠤ ᠠᠬᠤᠶᠢᠯᠠᠯ ᠢ ᠲᠣᠭᠲᠠᠭᠠᠭᠰᠠᠨ ᠱᠠᠭᠠᠷᠳᠠᠯᠭ᠎ᠠ ᠶᠣᠰᠣᠭᠠᠷ ᠭᠦᠢᠴᠡᠳᠬᠡᠯᠭᠦ ᠪᠠᠷ ᠰᠢᠮᠳᠠᠭᠤᠯᠵᠣ᠂ ᠨᠡᠭᠦᠷᠡᠰᠦᠨ ᠤ ᠡᠬᠢ ᠪᠠᠶᠠᠯᠢᠭ ᠢ ᠵᠠᠬ᠎ᠠ | ᠳᠡᠯᠭᠡᠭᠦᠷ ᠢᠶᠠᠷ ᠬᠢᠮᠳᠠ ᠬᠤᠳᠠᠯᠳᠣᠬᠤ ᠡᠯ᠎ᠡ ᠲᠦᠷᠣᠯ ᠤᠨ ᠠᠵᠢᠯ ᠢᠶᠠᠨ ᠨᠠᠶᠢᠳᠠᠪᠤᠷᠢᠵᠢᠭᠤᠯᠵᠣ ᠪᠣᠳᠠᠳᠠᠶᠢᠵᠢᠭᠤᠯᠬᠤ ᠶᠢ ᠨᠢ ᠪᠠᠲᠤᠯᠠᠬᠤ ᠬᠡᠷᠡᠭᠲᠡᠶ᠃ | ︵ᠠᠷᠪᠠᠨ ᠲᠠᠪᠤ︶ ᠨᠡᠭᠦᠷᠡᠰᠦᠨ ᠤ ᠡᠬᠢ ᠪᠠᠶᠠᠯᠢᠭ ᠢ ᠵᠠᠬ᠎ᠠ ᠳᠡᠯᠭᠡᠭᠦᠷ ᠢᠶᠠᠷ ᠬᠢᠮᠳᠠ ᠬᠤᠳᠠᠯᠳᠣᠬᠤ ᠠᠵᠢᠯ ᠢ ᠪᠦᠭᠦ ᠳᠠᠯ᠎ᠠ ᠪᠠᠷ ᠠᠬᠢᠭᠤᠯᠬᠤ ᠳᠤ | ᠬᠤᠯᠪᠣᠭᠳᠠᠭᠰᠠᠨ ᠴᠢᠬᠤᠯᠨ ᠶᠡᠭᠡ ᠠᠰᠢᠭ ᠲᠤᠰᠠ ᠶᠢᠨ ᠲᠣᠬᠢᠷᠠᠭᠤᠯᠣᠯᠳᠠ ᠳᠤ᠂ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠪᠠ | ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠶᠢ ᠴᠢᠩᠭ᠎ᠠ | ᠬᠡᠷᠡᠭᠵᠢᠭᠦᠯᠵᠦ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ᠂ ᠬᠤᠪᠢ ᠶᠢᠨ ᠨᠠᠶᠢᠷ ᠬᠠᠷᠠᠵᠣ ᠬᠠᠤᠯᠢ ᠶᠣᠰᠣ ᠶᠢ ᠵᠥᠷᠢᠴᠡᠬᠦ᠂ ᠡᠬᠦᠷᠬᠡ ᠲᠤᠰᠢᠶᠠᠯ ᠳᠠᠭᠠᠨ ᠠᠯᠮᠠᠶᠢᠷᠠᠨ | ᠤᠰᠤᠯᠳᠠᠬᠰᠠᠨ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠬᠦ ᠦᠵᠡᠭᠳᠡᠯ ᠭᠠᠷᠬᠤ ᠶᠢ ᠡᠷᠠᠰ ᠬᠤᠷᠢᠭᠯᠠᠵᠣ᠂ ᠨᠡᠭᠦᠷᠡᠰᠦᠨ ᠤ ᠡᠬᠢ ᠪᠠᠶᠠᠯᠢᠭ ᠢ ᠵᠠᠬ᠎ᠠ | ᠳᠡᠯᠭᠡᠭᠦᠷ ᠢᠶᠠᠷ ᠬᠢᠮᠳᠠ ᠬᠤᠳᠠᠯᠳᠣᠬᠤ ᠠᠵᠢᠯ ᠤᠨ ᠢᠯᠡ ᠲᠣᠳᠣᠷᠬᠠᠢ᠂ ᠡᠷᠭᠡ ᠳᠡᠭᠰᠢ᠂ ᠲᠦᠪ ᠭᠤᠣᠯᠴᠢ ᠪᠠᠶᠢᠬᠤ ᠶᠢ ᠨᠢ ᠠᠬᠢᠭᠤᠯᠵᠣ᠂ ᠬᠠᠤᠯᠢ ᠶᠣᠰᠣᠭᠠᠷ | ᠲᠣᠭᠳᠠᠭᠠᠯ ᠳᠤ ᠨᠡᠶᠢᠴᠡᠭᠦᠯᠦᠨ ᠶᠠᠪᠣᠭᠳᠠᠭᠤᠯᠬᠤ ᠶᠢ ᠦᠨᠡᠨ ᠭᠦ ᠪᠠᠳᠣᠯᠠᠬᠤ ᠬᠡᠷᠡᠭᠲᠡᠶ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠡᠭᠦᠨ ᠠᠴᠠ ᠡᠮᠦᠨ᠎ᠡ ᠪᠠᠭᠤᠯᠭᠠᠭᠰᠠᠨ | ᠪᠢᠴᠢᠭ ᠮᠠᠲ᠋ᠧᠷᠢᠶᠠᠯ ᠨᠢ ᠲᠤᠰ ᠰᠠᠨᠠᠯ ᠤᠨ ᠲᠣᠭᠲᠠᠭᠠᠯ ᠲᠠᠢ ᠨᠡᠶᠢᠴᠡᠬᠦ ᠦᠭᠡᠢ ᠪᠣᠯ᠂ ᠲᠤᠰ ᠰᠠᠨᠠᠯ ᠪᠠᠷ ᠪᠠᠷᠢᠮᠵᠢᠶ᠎ᠠ ᠪᠣᠯᠭᠠᠬᠤ ᠬᠡᠷᠩᠳᠠᠢ᠃ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠠ︶ |