| ᠥᠪᠥᠷ ᠵᠠᠰᠠᠭ ᠲᠠᠷᠬᠠᠭᠠᠭᠰᠠᠨ ﹇2018﹈ 30 ᠳ᠋ᠤᠭᠠᠷ ᠲᠤᠭᠠᠳᠤ | 8 ᠳ᠋ᠤᠭᠠᠷ ᠰᠠᠷ᠎ᠠ ᠶᠢᠨ 14 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠭᠢᠮ᠂ | ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠤᠨ ᠬᠡᠷᠡᠭᠵᠢᠭᠦᠯᠬᠦ | ᠲᠦᠰᠦᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠲᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | | | ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ | ᠣᠷᠴᠢᠨ ᠨᠦᠬᠦᠴᠡᠯ ᠢ ᠰᠢᠯᠢᠳᠡᠭᠵᠢᠭᠦᠯᠬᠦ ᠠᠵᠢᠯ ᠤᠨ ᠬᠡᠷᠡᠭᠵᠢᠭᠦᠯᠬᠦ ᠲᠦᠰᠦᠯ | | | ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠳᠤ ᠦᠭᠡᠷᠡᠴᠢᠯᠡᠯᠲᠡ ᠬᠢᠬᠦ ᠡᠷᠴᠢᠮ ᠢ ᠴᠢᠩᠭᠠᠷᠠᠭᠤᠯᠬᠤ ᠲᠣᠬᠠᠢ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠠᠶᠢᠭᠤᠯᠤᠯ ᠲᠣᠭᠲᠠᠴᠠ ᠳᠤ ᠤᠯᠠᠮ ᠨᠢᠭᠡ ᠠᠯᠬᠤᠮ ᠦᠭᠡᠷᠡᠴᠢᠯᠡᠯᠲᠡ ᠬᠢᠵᠦ ᠰᠢᠨ᠎ᠡ ᠶᠢ | ᠡᠭᠦᠳᠦᠨ᠂ ᠡᠵᠡᠩᠨᠡᠨ ᠬᠤᠳᠠᠯᠳᠤᠭᠠᠯᠠᠬᠤ ᠳᠤ ᠠᠮᠦᠷ ᠲᠣᠭᠲᠠᠭᠤᠨ ᠡᠷᠬᠡ ᠲᠡᠭᠰᠢ ᠢᠯᠡ ᠲᠣᠳᠣ ᠪᠦᠬᠦᠢ᠂ ᠵᠢᠱᠢᠵᠦ ᠪᠣᠯᠬᠤᠶᠢᠴᠠ ᠣᠯᠠᠨ ᠤᠯᠤᠰᠴᠢᠯᠠᠬᠤ᠂ ᠬᠠᠤᠯᠢ ᠪᠠᠷ | ᠵᠠᠰᠠᠵᠢᠬᠤ᠂ ᠳᠦᠭᠦᠮ ᠦᠵᠡᠭᠦᠯᠬᠦ ᠣᠷᠴᠢᠨ ᠨᠦᠬᠦᠴᠡᠯ ᠢ ᠪᠣᠢ ᠪᠣᠯᠭᠠᠵᠤ᠂ ᠪᠦᠬᠦ ᠣᠷᠣᠨ ᠤ ᠠᠵᠤ ᠠᠬᠤᠢ ᠶᠢᠨ ᠴᠢᠨᠠᠷᠵᠢᠭᠤᠨ ᠬᠥᠭᠵᠢᠬᠦ ᠶᠢ ᠠᠬᠢᠭᠤᠯᠬᠤ ᠶᠢᠨ | ᠲᠤᠰᠠᠳᠠ᠂ ᠲᠤᠰ ᠲᠦᠰᠦᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠰᠢᠯᠢᠳᠡᠭᠵᠢᠭᠦᠯᠬᠦ ᠪᠣᠯ ᠦᠢᠯᠡᠳᠪᠦᠷᠢᠯᠡᠯ ᠤᠨ ᠬᠦᠴᠦᠨ ᠢ ᠴᠢᠯᠦᠭᠡᠯᠡᠵᠦ᠂ ᠶᠡᠷᠦᠩᠬᠡᠢ ᠦᠷᠢᠰᠦᠯᠳᠦᠬᠦ | ᠬᠦᠴᠦᠨ ᠢ ᠳᠡᠭᠡᠭᠰᠢᠯᠡᠭᠦᠯᠬᠦ ᠶᠠᠪᠤᠳᠠᠯ ᠪᠣᠯᠬᠤ ᠣᠨᠣᠯᠵᠢᠬᠤᠨ ᠢ ᠪᠠᠲᠤ ᠪᠠᠬᠢ ᠪᠣᠢ ᠪᠣᠯᠭᠠᠵᠤ᠂ ᠵᠠᠰᠠᠭ ᠤᠨ ᠣᠷᠳᠣᠨ ᠤ ᠣᠯᠠᠨ ᠨᠡᠶᠢᠲᠡ ᠳᠤ ᠦᠢᠯᠡᠴᠢᠯᠡᠬᠦ ᠴᠢᠳᠠᠪᠤᠷᠢ | ᠪᠣᠯᠣᠨ ᠬᠢᠷᠢ ᠲᠥᠪᠰᠢᠨ ᠢ ᠨᠢ ᠳᠡᠭᠡᠭᠰᠢᠯᠡᠭᠦᠯᠬᠦ ᠪᠠᠷ ᠭᠤᠣᠯ ᠪᠣᠯᠭᠠᠨ᠂ ᠠᠰᠠᠭᠤᠳᠠᠯ᠂ ᠬᠠᠷᠠᠯᠲᠠ ᠪᠣᠯᠣᠨ ᠦᠷ᠎ᠡ ᠳ᠋ᠦᠩ ᠦᠢᠯᠡᠳᠦᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠣᠯᠣᠨ ᠪᠠᠭᠤᠷᠠᠢ ᠭᠤᠭᠴᠤᠭ᠎ᠠ ᠶᠢ ᠭᠤᠣᠯᠳᠠᠭᠤᠯᠤᠨ ᠠᠩᠬᠠᠷᠴᠤ᠂ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠵᠦ᠂ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠨ᠂ ᠰᠢᠪᠲᠤᠯᠤᠯᠲᠠ ᠲᠠᠢ ᠪᠠᠶᠢᠯᠭᠠᠵᠤ᠂ ᠵᠢᠱᠢᠶ᠎ᠡ ᠳᠠᠭᠤᠷᠢᠶᠠᠯ ᠢ ᠪᠣᠢ ᠪᠣᠯᠭᠠᠨ᠂ ᠡᠭᠦᠨ ᠤ ᠤᠯᠠᠮ ᠢᠶᠠᠷ | ᠪᠦᠬᠦ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠤᠨ ᠢᠯᠡᠳᠲᠡ ᠰᠠᠶᠢᠵᠢᠷᠠᠬᠤ ᠶᠢ ᠳᠠᠶᠢᠴᠢᠯᠠᠨ᠂ 3 ᠵᠢᠯ ᠣᠷᠴᠢᠮ ᠤᠨ ᠴᠢᠷᠮᠠᠶᠢᠯᠭ᠎ᠠ ᠪᠠᠷ | ᠳᠠᠮᠵᠢᠭᠤᠯᠵᠤ᠂ ᠪᠦᠬᠦ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠤᠯᠤᠰ ᠤᠨ ᠲᠣᠳᠤᠭᠠᠲᠤ ᠶᠢᠨ ᠠᠵᠤ ᠠᠬᠤᠢ ᠬᠥᠭᠵᠢᠭᠰᠡᠨ ᠭᠠᠵᠠᠷ ᠣᠷᠣᠨ ᠤ | ᠬᠢᠷᠢ ᠲᠥᠪᠰᠢᠨ ᠳᠤ ᠬᠦᠷᠦᠭᠦᠯᠬᠦ ᠪᠠᠷ ᠴᠢᠷᠮᠠᠶᠢᠨ ᠲᠡᠮᠡᠴᠡᠨ᠎ᠡ᠃ | ᠬᠤᠶᠠᠷ᠂ ᠭᠤᠣᠯ ᠡᠭᠦᠷᠭᠡ | ᠳᠡᠯᠡᠬᠡᠢ ᠶᠢᠨ ᠪᠠᠩᠭᠢ ᠶᠢᠨ ︽ᠪᠦᠬᠦ ᠪᠦᠮᠪᠦᠷᠴᠡᠭ ᠤᠨ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠤᠨ ᠮᠡᠳᠡᠭᠦᠯᠦᠯᠲᠡ︾ ᠳᠠᠬᠢ ᠦᠨᠡᠯᠡᠯᠲᠡ ᠶᠢᠨ ᠭᠤᠣᠯ | ᠭᠦᠢᠴᠡᠳᠭᠡᠯ ᠲᠤᠭ᠎ᠠ ᠪᠠᠷ ᠪᠠᠷᠢᠮᠵᠢᠶᠠᠲᠤ ᠱᠠᠭᠠᠷᠳᠠᠯᠭ᠎ᠠ ᠪᠣᠯᠭᠠᠵᠤ᠂ ᠣᠷᠤᠰᠢᠵᠤ ᠪᠠᠶᠢᠭ᠎ᠠ ᠵᠦᠷᠢᠶ᠎ᠡ ᠪᠣᠯᠣᠨ ᠠᠰᠠᠭᠤᠳᠠᠯ ᠳᠤ ᠴᠢᠭᠯᠡᠭᠦᠯᠦᠨ᠂ ᠭᠤᠭᠴᠤᠭ᠎ᠠ ᠶᠢ | ᠳᠦᠭᠦᠮᠴᠢᠯᠡᠬᠦ᠂ ᠴᠠᠭ ᠢ ᠪᠤᠭᠤᠨᠢᠰᠬᠠᠬᠤ᠂ ᠵᠠᠷᠤᠳᠠᠯ ᠢ ᠪᠠᠭᠠᠰᠬᠠᠬᠤ᠂ ᠴᠤᠪᠤᠷᠠᠯ ᠢ ᠰᠢᠯᠢᠳᠡᠭᠵᠢᠭᠦᠯᠬᠦ᠂ ᠢᠯᠡ ᠲᠣᠳᠣ ᠪᠠᠶᠢᠬᠤ ᠬᠡᠮᠵᠢᠶ᠎ᠡ ᠶᠢ ᠨᠡᠮᠡᠭᠳᠡᠭᠦᠯᠬᠦ ᠵᠠᠷᠴᠢᠮ ᠢᠶᠠᠷ | ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠬᠦᠴᠦᠲᠡᠢ ᠠᠬᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠬᠡᠷᠡᠭ | ᠭᠦᠢᠴᠡᠳᠭᠡᠵᠦ ᠦᠢᠯᠡᠰ ᠴᠤᠭᠴᠠᠯᠠᠬᠤ ᠶᠢ ᠨᠢ ᠬᠦᠯᠢᠶᠡᠰᠦᠯᠡᠵᠦ ᠪᠦᠬᠦᠢ ᠪᠠᠶᠢᠭᠤᠯᠤᠯ ᠲᠣᠭᠲᠠᠴᠠ ᠶᠢᠨ ᠰᠠᠭᠠᠳ ᠬᠠᠷᠰᠢ ᠶᠢ ᠤᠯᠠᠮ ᠨᠢᠭᠡ ᠠᠯᠬᠤᠮ ᠠᠷᠢᠯᠭᠠᠨ᠂ ᠡᠯ᠎ᠡ | ᠲᠦᠷᠦᠯ ᠤᠨ ᠳᠦᠷᠢᠮ ᠤᠨ ᠴᠢᠨᠠᠷᠲᠠᠢ ᠠᠷᠠᠯᠵᠢᠶᠠᠯᠠᠬᠤ ᠦᠪᠡᠷ ᠤᠨ ᠥᠷᠲᠡᠭ ᠢ ᠨᠢ ᠪᠠᠭᠤᠷᠠᠭᠤᠯᠵᠤ᠂ ᠵᠠᠰᠠᠭ ᠤᠨ ᠣᠷᠳᠣᠨ ᠤ ᠦᠢᠯᠡᠴᠢᠯᠡᠭᠡᠨ ᠤ ᠦᠢᠯᠡᠳᠦᠯ | ᠪᠦᠲᠦᠮᠵᠢ ᠶᠢ ᠶᠡᠭᠡ ᠪᠠᠷ ᠳᠡᠭᠡᠭᠰᠢᠯᠡᠭᠦᠯᠦᠨ᠂ ᠠᠵᠢᠯ ᠣᠯᠭᠤᠵᠣ ᠦᠢᠯᠡᠰ ᠴᠤᠭᠴᠠᠯᠠᠬᠤ ᠶᠢ ᠠᠬᠢᠭᠤᠯᠬᠤ ᠳᠤ ᠪᠠᠷᠢᠮᠵᠢᠶ᠎ᠠ ᠱᠠᠭᠠᠷᠳᠠᠯᠭ᠎ᠠ ᠶᠢ ᠨᠢ ᠳᠤᠷᠤᠭᠰᠢᠯᠠᠭᠤᠯᠵᠤ᠂ | ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠤᠭᠴᠠ ᠶᠢᠨ ᠳᠠᠷᠤᠭᠠᠰᠤ ᠶᠢ ᠨᠢ ᠬᠦᠩᠭᠡᠯᠡᠨ᠂ ᠪᠦᠲᠦᠮᠵᠢᠲᠡᠢ ᠪᠡᠯᠡ ᠣᠷᠤᠭᠤᠯᠤᠯᠲᠠ ᠶᠢ ᠬᠥᠭᠵᠢᠭᠡᠬᠦ ᠣᠷᠣᠨ | ᠵᠠᠢ ᠶᠢ ᠨᠢ ᠥᠷᠭᠡᠳᠭᠡᠵᠦ᠂ ᠡᠷᠬᠡ ᠲᠡᠭᠰᠢ ᠪᠠᠷ ᠡᠵᠡᠩᠨᠡᠨ ᠬᠤᠳᠠᠯᠳᠤᠭᠠᠯᠠᠬᠤ ᠳᠤ ᠨᠦᠬᠦᠴᠡᠯ ᠡᠭᠦᠳᠦᠨ ᠥᠭᠴᠦ᠂ ᠣᠯᠠᠨ ᠲᠦᠮᠡᠨ ᠤ ᠠᠵᠢᠯᠯᠠᠵᠤ ᠠᠮᠢᠳᠤᠷᠠᠬᠤ ᠳᠤ | ᠢᠯᠡᠭᠦᠬᠡᠨ ᠳᠦᠭᠦᠮ ᠨᠦᠬᠦᠴᠡᠯ ᠬᠠᠨᠭ᠍ᠭᠠᠨ᠎ᠠ᠃ | ︵ᠨᠢᠭᠡ︶ ᠠᠵᠤ ᠠᠬᠤᠶᠢᠯᠠᠯ ᠡᠷᠬᠢᠯᠡᠨ ᠪᠠᠶᠢᠭᠤᠯᠬᠤ ᠳᠤ ᠳᠦᠭᠦᠮ ᠦᠵᠡᠭᠦᠯᠦᠨ᠎ᠡ᠃ | 1. ᠠᠵᠤ ᠠᠬᠤᠶᠢᠯᠠᠯ ᠤᠨ ᠳᠠᠩᠰᠠᠯᠠᠨ ᠲᠡᠮᠲᠡᠭᠯᠡᠬᠦ ᠳᠡᠰ ᠳᠠᠷᠠᠭᠠᠯᠠᠯ ᠢ ᠳᠦᠭᠦᠮ ᠠᠪᠰᠠᠷᠬᠠᠨ ᠪᠣᠯᠭᠠᠨ᠎ᠠ᠃ ᠤᠯᠤᠰ ᠤᠨ ᠱᠠᠭᠠᠷᠳᠠᠯᠭ᠎ᠠ ᠶᠤᠰᠤᠭᠠᠷ᠂ ︽ᠭᠡᠷᠡᠴᠢ | ᠪᠠ ᠦᠨᠡᠮᠯᠡᠯ ᠢ ᠰᠠᠯᠭᠠᠬᠤ︾ ᠦᠭᠡᠷᠡᠴᠢᠯᠡᠯᠲᠡ ᠶᠢᠨ ᠠᠵᠢᠯ ᠢ ᠭᠦᠨᠵᠡᠭᠡᠢ ᠬᠡᠷᠡᠭᠵᠢᠭᠦᠯᠵᠦ᠂ ︽ᠵᠥᠪᠰᠢᠶᠡᠷᠡᠨ ᠣᠷᠤᠭᠤᠯᠤᠭᠰᠠᠨ ᠪᠣᠯᠪᠠᠴᠤ ᠡᠵᠡᠩᠨᠡᠬᠦ ᠶᠢ ᠵᠥᠪᠰᠢᠶᠡᠷᠡᠬᠦ | ᠦᠭᠡᠢ︾ ᠠᠰᠠᠭᠤᠳᠠᠯ ᠢ ᠰᠢᠢᠳᠪᠦᠷᠢᠯᠡᠨ᠎ᠡ᠃ ᠠᠵᠤ ᠠᠬᠤᠶᠢᠯᠠᠯ ᠤᠨ ᠨᠡᠷᠡᠶᠢᠳᠦᠯ ᠤᠨ ᠳᠠᠩᠰᠠᠯᠠᠨ ᠲᠡᠮᠲᠡᠭᠯᠡᠬᠦ ᠬᠠᠮᠢᠶᠠᠷᠤᠯᠲᠠ ᠶᠢᠨ ᠦᠭᠡᠷᠡᠴᠢᠯᠡᠯᠲᠡ ᠶᠢ ᠠᠬᠢᠭᠤᠯᠵᠤ᠂ | ᠠᠵᠤ ᠠᠬᠤᠶᠢᠯᠠᠯ ᠤᠨ ᠨᠡᠷᠡᠶᠢᠳᠦᠯ ᠢᠶᠠᠨ ᠡᠵᠡ ᠮᠡᠳᠡᠵᠦ ᠭᠤᠶᠤᠴᠢᠯᠠᠨ ᠮᠡᠳᠡᠭᠦᠯᠬᠦ ᠬᠡᠪᠴᠢᠶ᠎ᠡ ᠶᠢ ᠥᠷᠭᠡᠳᠭᠡᠨ᠂ ᠤᠷᠢᠳᠠᠴᠢ ᠬᠢᠨᠠᠨ ᠵᠥᠪᠰᠢᠶᠡᠷᠡᠬᠦ ᠵᠦᠢᠯᠡᠰ ᠪᠤᠶᠤ ᠠᠵᠤ | ᠠᠬᠤᠶᠢᠯᠠᠯ ᠤᠨ ᠨᠡᠷᠡᠶᠢᠳᠦᠯ ᠢ ᠬᠠᠷᠭᠤᠭᠤᠯᠤᠨ ᠵᠥᠪᠰᠢᠶᠡᠷᠡᠬᠦ ᠳᠤ ᠬᠤᠯᠪᠣᠭᠳᠠᠭᠰᠠᠨ ᠪᠠ ᠠᠵᠤ ᠠᠬᠤᠶᠢᠯᠠᠯ ᠤᠨ ᠪᠠᠶᠢᠭᠤᠯᠵᠤ ᠳᠠᠩᠰᠠᠯᠠᠨ ᠲᠡᠮᠲᠡᠭᠯᠡᠬᠦ ᠨᠢ ᠨᠢᠭᠡ ᠯᠡ | ᠪᠠᠶᠢᠭᠤᠯᠭ᠎ᠠ ᠳᠤ ᠭᠦᠢᠴᠡᠳᠭᠡᠬᠦ ᠦᠭᠡᠢ ᠪᠠᠶᠢᠳᠠᠯ ᠠᠴᠠ ᠭᠠᠳᠠᠨ᠎ᠠ᠂ ᠠᠵᠤ ᠠᠬᠤᠶᠢᠯᠠᠯ ᠤᠨ ᠨᠡᠷᠡᠶᠢᠳᠦᠯ ᠢ ᠤᠷᠢᠳ ᠢᠶᠠᠷ ᠬᠠᠷᠭᠤᠭᠤᠯᠤᠨ ᠵᠥᠪᠰᠢᠶᠡᠷᠡᠭᠦᠯᠬᠦ ᠤᠴᠢᠷ | ᠦᠭᠡᠢ᠂ ᠭᠤᠶᠤᠴᠢᠯᠠᠭᠴᠢ ᠠᠴᠠ ᠠᠵᠤ ᠠᠬᠤᠶᠢᠯᠠᠯ ᠤᠨ ᠳᠠᠩᠰᠠᠯᠠᠨ ᠲᠡᠮᠲᠡᠭᠯᠡᠬᠦ ᠶᠢ ᠭᠦᠢᠴᠡᠳᠭᠡᠯᠭᠡᠬᠦ ᠳᠤ ᠪᠠᠨ᠂ ᠡᠵᠡ ᠮᠡᠳᠡᠵᠦ ᠭᠤᠶᠤᠴᠢᠯᠠᠨ ᠮᠡᠳᠡᠭᠦᠯᠦᠭᠰᠡᠨ ᠠᠵᠤ | ᠠᠬᠤᠶᠢᠯᠠᠯ ᠤᠨ ᠨᠡᠷᠡᠶᠢᠳᠦᠯ ᠢᠶᠠᠷ ᠢᠶᠠᠨ ᠵᠡᠷᠭᠡ ᠳᠤ ᠨᠢ ᠭᠦᠢᠴᠡᠳᠭᠡᠯᠭᠡᠵᠦ ᠪᠣᠯᠣᠨ᠎ᠠ᠃ ᠮᠠᠨ ᠤ ᠣᠷᠣᠨ ᠤ ᠠᠵᠤ ᠠᠬᠤᠶᠢᠯᠠᠯ ᠤᠨ ᠪᠠᠶᠢᠭᠤᠯᠵᠤ ᠳᠠᠩᠰᠠᠯᠠᠨ ᠲᠡᠮᠲᠡᠭᠯᠡᠭᠦᠯᠬᠦ | ᠂ ᠲᠠᠮᠠᠭ᠎ᠠ ᠰᠡᠶᠢᠯᠦᠨ ᠵᠣᠬᠢᠶᠠᠬᠤ᠂ ᠪᠠᠷᠢᠮᠲᠠ ᠭᠤᠶᠤᠴᠢᠯᠠᠨ ᠠᠪᠬᠤ ᠭᠤᠷᠪᠠᠨ ᠭᠤᠭᠴᠤᠭᠠᠨ ᠳᠠᠬᠢ ᠭᠦᠢᠴᠡᠳᠭᠡᠬᠦ ᠴᠠᠭ ᠢ ᠨᠢ 5 ᠠᠵᠢᠯᠯᠠᠬᠤ ᠡᠳᠦᠷ ᠲᠤ | ᠳᠠᠭᠤᠰᠬᠠᠬᠤ ᠪᠠᠷ ᠪᠤᠭᠤᠨᠢᠰᠬᠠᠨ᠎ᠠ᠃ | 2. ᠳᠠᠩᠰᠠᠯᠠᠨ ᠲᠡᠮᠲᠡᠭᠯᠡᠬᠦ ᠶᠢ ᠳᠦᠭᠦᠮ ᠠᠪᠰᠠᠷᠬᠠᠨ ᠪᠣᠯᠭᠠᠬᠤ ᠦᠭᠡᠷᠡᠴᠢᠯᠡᠯᠲᠡ ᠶᠢ ᠠᠬᠢᠭᠤᠯᠤᠨ᠎ᠠ᠃ ᠰᠦᠯᠵᠢᠶ᠎ᠡ ᠪᠠᠷ ᠠᠵᠢᠯ ᠬᠡᠷᠡᠭ ᠭᠦᠢᠴᠡᠳᠭᠡᠬᠦ ᠶᠢ | ᠬᠦᠴᠦᠲᠡᠢ ᠠᠬᠢᠭᠤᠯᠵᠤ᠂ ᠠᠵᠤ ᠠᠬᠤᠶᠢᠯᠠᠯ ᠤᠨ ᠳᠠᠩᠰᠠᠯᠠᠵᠤ ᠲᠡᠮᠲᠡᠭᠯᠡᠬᠦ ᠮᠡᠳᠡᠭᠡ ᠵᠠᠩᠬᠢᠵᠢᠯᠲᠠ ᠶᠢᠨ ᠬᠢᠷᠢ ᠲᠥᠪᠰᠢᠨ ᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ | ᠳᠠᠩᠰᠠᠯᠠᠨ ᠲᠡᠮᠲᠡᠭᠯᠡᠭᠦᠯᠬᠦ ᠵᠦᠢᠯᠡᠰ ᠤᠨ ᠪᠦᠬᠦ ᠶᠠᠪᠤᠴᠠ ᠶᠢ ᠡᠯᠧᠺᠲᠷᠣᠨᠵᠢᠭᠦᠯᠬᠦ ᠪᠣᠯᠭᠠᠨ᠎ᠠ᠃ ᠪᠦᠬᠦ ᠣᠷᠣᠨ ᠤ ᠨᠢᠭᠡᠲᠦᠯᠲᠡᠢ ᠡᠯᠧᠺᠲᠷᠣᠨ ᠡᠵᠡᠩᠨᠡᠯᠲᠡ ᠶᠢᠨ | ᠦᠨᠡᠮᠯᠡᠯ ᠤᠨ ᠬᠦᠮᠦᠷᠭᠡ ᠶᠢ ᠪᠠᠶᠢᠭᠤᠯᠵᠤ᠂ ᠡᠯᠧᠺᠲᠷᠣᠨ ᠡᠵᠡᠩᠨᠡᠯᠲᠡ ᠶᠢᠨ ᠦᠨᠡᠮᠯᠡᠯ ᠢ ᠣᠷᠣᠨ ᠪᠦᠰᠡ ᠬᠦᠷᠢᠶ᠎ᠡ ᠴᠠᠷᠠᠭ᠎ᠠ ᠲᠣᠬᠠᠶᠢᠯᠠᠭᠰᠠᠨ ᠠᠵᠢᠯ ᠠᠯᠤᠰᠯᠠᠨ | ᠬᠡᠷᠡᠭᠯᠡᠬᠦ ᠶᠢ ᠠᠬᠢᠭᠤᠯᠤᠨ᠎ᠠ᠃ ᠠᠵᠤ ᠠᠬᠤᠶᠢᠯᠠᠯ ᠤᠨ ᠪᠠᠶᠢᠭᠤᠯᠵᠤ ᠳᠠᠩᠰᠠᠯᠠᠨ ᠲᠡᠮᠲᠡᠭᠯᠡᠬᠦ ᠠᠵᠢᠯ ᠤᠨ ᠭᠦᠢᠴᠡᠳᠭᠡᠬᠦ ᠴᠠᠭ ᠢ ᠨᠢ 3 ᠠᠵᠢᠯᠯᠠᠬᠤ ᠡᠳᠦᠷ ᠲᠤ | ᠳᠠᠭᠤᠰᠬᠠᠬᠤ ᠪᠠᠷ ᠪᠤᠭᠤᠨᠢᠰᠬᠠᠨ᠎ᠠ᠃ | 3. ᠠᠯᠪᠠᠨ ᠤ ᠲᠠᠮᠠᠭ᠎ᠠ ᠰᠡᠶᠢᠯᠦᠨ ᠵᠣᠬᠢᠶᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠠᠯᠪᠠᠨ ᠤ ᠲᠠᠮᠠᠭ᠎ᠠ ᠰᠡᠶᠢᠯᠦᠨ ᠵᠣᠬᠢᠶᠠᠵᠤ ᠪᠦᠷᠢᠳᠭᠡᠨ ᠲᠠᠩᠰᠠᠯᠠᠬᠤ | ᠠᠵᠢᠯ ᠢ ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ︾ ᠵᠦᠢᠯᠡᠰ ᠲᠤ ᠣᠷᠤᠭᠤᠯᠵᠤ᠂ ᠭᠤᠶᠤᠴᠢᠯᠠᠭᠴᠢ ᠨᠢ ᠠᠯᠪᠠᠨ ᠤ ᠲᠠᠮᠠᠭ᠎ᠠ ᠰᠡᠶᠢᠯᠦᠨ ᠵᠣᠬᠢᠶᠠᠬᠤ | ᠨᠢᠭᠡᠴᠢ ᠶᠢ ᠦᠪᠡᠰᠦᠪᠡᠨ ᠰᠤᠩᠭᠤᠵᠤ ᠪᠣᠯᠣᠨ᠎ᠠ᠃ ᠠᠯᠪᠠᠨ ᠤ ᠲᠠᠮᠠᠭ᠎ᠠ ᠶᠢᠨ ᠰᠡᠶᠢᠯᠦᠨ ᠵᠣᠬᠢᠶᠠᠭᠰᠠᠨ ᠳᠠᠷᠤᠢ ᠳᠤ ᠨᠢ ᠠᠶᠠᠨᠳᠠᠭᠠᠨ ᠪᠦᠷᠢᠳᠭᠡᠨ ᠳᠠᠩᠰᠠᠯᠠᠬᠤ | ᠲᠣᠭᠲᠠᠴᠠ ᠶᠢ ᠲᠡᠭᠦᠯᠳᠡᠷᠵᠢᠭᠦᠯᠵᠦ᠂ ᠪᠦᠬᠦ ᠣᠷᠣᠨ ᠤ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠩᠬᠢᠮ ᠳᠤ ᠠᠯᠪᠠᠨ ᠤ ᠲᠠᠮᠠᠭ᠎ᠠ ᠰᠡᠶᠢᠯᠦᠨ 365赢多少钱会被限额_国内有真正的365平台吗_365bet博彩官网 | ᠵᠣᠬᠢᠶᠠᠬᠤ ᠴᠤᠩᠬᠤᠪᠴᠢ ᠶᠢ ᠲᠣᠬᠢᠷᠠᠭᠤᠯᠤᠨ ᠪᠠᠶᠢᠭᠤᠯᠵᠤ᠂ 1 ᠠᠵᠢᠯᠯᠠᠬᠤ ᠡᠳᠦᠷ ᠤᠨ ᠲᠤᠳᠤᠷ᠎ᠠ ᠠᠯᠪᠠᠨ ᠤ ᠲᠠᠮᠠᠭ᠎ᠠ ᠶᠢ ᠰᠡᠶᠢᠯᠦᠨ ᠵᠣᠬᠢᠶᠠᠵᠤ ᠳᠠᠭᠤᠰᠬᠠᠬᠤ | ᠬᠡᠷᠡᠭᠲᠡᠢ᠃ | 4. ᠭᠠᠶᠢᠯᠢ ᠳᠤ ᠬᠤᠯᠪᠣᠭᠳᠠᠭᠰᠠᠨ ᠵᠦᠢᠯᠡᠰ ᠢ ᠭᠦᠢᠴᠡᠳᠭᠡᠬᠦ ᠴᠤᠪᠤᠷᠠᠯ ᠢ ᠨᠢ ᠰᠢᠯᠢᠳᠡᠭᠵᠢᠭᠦᠯᠦᠨ᠎ᠡ᠃ ᠠᠵᠤ ᠠᠬᠤᠶᠢᠯᠠᠯ ᠤᠨ ᠡᠷᠬᠢᠯᠡᠨ ᠪᠠᠶᠢᠭᠤᠯᠬᠤ ᠳᠤ | ᠬᠤᠯᠪᠣᠭᠳᠠᠭᠰᠠᠨ ᠵᠦᠢᠯᠡᠰ ᠢ ᠨᠢᠭᠡ ᠯᠡ ᠴᠤᠩᠬᠤᠪᠴᠢ ᠪᠠᠷ ᠬᠦᠯᠢᠶᠡᠨ ᠠᠪᠴᠤ ᠭᠦᠢᠴᠡᠳᠭᠡᠬᠦ ᠶᠢ ᠬᠡᠷᠡᠭᠵᠢᠭᠦᠯᠵᠦ᠂ ᠨᠡᠶᠢᠭᠡᠮ ᠤᠨ ᠢᠲᠡᠭᠡᠮᠵᠢ ᠶᠢᠨ ᠨᠢᠭᠡᠲᠦᠯᠲᠡᠢ | ᠣᠷᠤᠯᠠᠬᠤ ᠨᠣᠮᠧᠷ ᠬᠠᠳᠠᠭᠰᠠᠨ ᠡᠵᠡᠩᠨᠡᠯᠲᠡ ᠶᠢᠨ ᠦᠨᠡᠮᠯᠡᠯ ᠢᠶᠠᠨ ᠳᠠᠩᠰᠠᠯᠠᠨ ᠲᠡᠮᠲᠡᠭᠯᠡᠭᠰᠡᠨ ᠪᠠᠶᠢᠭᠤᠯᠭ᠎ᠠ ᠠᠴᠠ ᠨᠢᠭᠡᠨᠲᠡ ᠬᠦᠯᠢᠶᠡᠵᠦ ᠠᠪᠤᠭᠰᠠᠨ ᠠᠵᠤ ᠠᠬᠤᠶᠢᠯᠠᠯ ᠳᠤ | ᠂ ᠭᠠᠶᠢᠯᠢ ᠶᠢᠨ ᠶᠠᠪᠤᠳᠠᠯ ᠤᠨ ᠳᠠᠩᠰᠠᠯᠠᠨ ᠲᠡᠮᠲᠡᠭᠯᠡᠬᠦ ᠠᠵᠢᠯ ᠢ ᠳᠠᠬᠢᠵᠤ ᠲᠤᠰᠠᠭᠠᠷ ᠭᠦᠢᠴᠡᠳᠭᠡᠬᠦ ᠦᠭᠡᠢ᠂ ᠨᠡᠶᠢᠭᠡᠮ ᠤᠨ ᠢᠲᠡᠭᠡᠮᠵᠢ ᠶᠢᠨ ᠨᠢᠭᠡᠲᠦᠯᠲᠡᠢ ᠣᠷᠤᠯᠠᠬᠤ | ᠨᠣᠮᠧᠷ ᠢᠶᠠᠷ ᠳᠠᠩᠰᠠᠯᠠᠨ ᠲᠡᠮᠲᠡᠭᠯᠡᠵᠦ ᠬᠠᠮᠢᠶᠠᠷᠤᠨ᠎ᠠ᠃ ᠪᠠᠷᠢᠮᠲᠠ ᠭᠤᠶᠤᠴᠢᠯᠠᠨ ᠠᠪᠬᠤ ᠳᠡᠰ ᠳᠠᠷᠠᠭᠠᠯᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠠᠷᠢᠮᠲᠠ | ᠭᠤᠶᠤᠴᠢᠯᠠᠨ ᠠᠪᠬᠤ ᠴᠠᠭ ᠢ ᠪᠤᠭᠤᠨᠢᠰᠬᠠᠨ᠎ᠠ᠃ ᠰᠢᠨ᠎ᠡ ᠪᠠᠷ ᠡᠷᠬᠢᠯᠡᠨ ᠪᠠᠶᠢᠭᠤᠯᠤᠭᠰᠠᠨ ᠠᠵᠤ ᠠᠬᠤᠶᠢᠯᠠᠯ ᠤᠨ ᠠᠩᠬᠠᠳᠤᠭᠠᠷ ᠤᠳᠠᠭ᠎ᠠ ᠪᠠᠷᠢᠮᠲᠠ ᠭᠤᠶᠤᠴᠢᠯᠠᠨ | ᠠᠪᠬᠤ ᠳᠤ ᠭᠦᠢᠴᠡᠳᠭᠡᠬᠦ ᠴᠠᠭ ᠢ ᠨᠢ 1 ᠠᠵᠢᠯᠯᠠᠬᠤ ᠡᠳᠦᠷ ᠤᠨ ᠲᠤᠳᠤᠷ᠎ᠠ ᠳᠠᠭᠤᠰᠬᠠᠬᠤ ᠪᠠᠷ ᠪᠤᠭᠤᠨᠢᠰᠬᠠᠨ᠎ᠠ᠃ | ︵ᠬᠤᠶᠠᠷ︶ ᠪᠠᠷᠢᠯᠭ᠎ᠠ ᠶᠢᠨ ᠵᠥᠪᠰᠢᠶᠡᠷᠡᠯ ᠤᠨ ᠭᠦᠢᠴᠡᠳᠭᠡᠬᠦ ᠶᠠᠪᠤᠴᠠ ᠶᠢ ᠳᠦᠭᠦᠮᠴᠢᠯᠡᠨ᠎ᠡ᠃ | 1. ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠲᠦᠷᠦᠯ ᠬᠤᠪᠢᠶᠠᠨ ᠬᠠᠮᠢᠶᠠᠷᠤᠨ᠎ᠠ᠃ ᠨᠢᠭᠡᠳᠦᠭᠡᠷ ᠲᠦᠷᠦᠯ᠄ ᠲᠤᠳᠤᠭᠠᠲᠤ ᠳᠠᠬᠢ ᠦᠭᠡᠷᠡᠴᠢᠯᠡᠨ | ᠰᠢᠨᠡᠳᠭᠡᠬᠦ ᠲᠦᠷᠦᠯ ᠵᠦᠢᠯ ᠪᠣᠯᠣᠨ᠎ᠠ᠂ ᠡᠭᠦᠨ ᠳᠤ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠢ ᠰᠢᠭᠤᠳ ᠭᠦᠢᠴᠡᠳᠭᠡᠵᠦ ᠪᠣᠯᠣᠨ᠎ᠠ᠃ ᠬᠤᠶᠠᠳᠤᠭᠠᠷ ᠲᠦᠷᠦᠯ᠄ | ᠣᠳᠤ ᠶᠢᠨ ᠪᠠᠶᠢᠳᠠᠯ ᠢ ᠦᠭᠡᠷᠡᠴᠢᠯᠡᠨ ᠪᠠᠶᠢᠭᠤᠯᠬᠤ ᠲᠦᠷᠦᠯ ᠵᠦᠢᠯ ᠪᠣᠯᠣᠨ᠎ᠠ᠂ ᠡᠭᠦᠨ ᠳᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠲᠦᠰᠦᠯ ᠢ ᠬᠢᠨᠠᠨ | ᠪᠠᠶᠢᠴᠠᠭᠠᠭᠰᠠᠨ ᠤ ᠳᠠᠷᠠᠭ᠎ᠠ᠂ ᠪᠦᠲᠦᠭᠡᠨ ᠪᠠᠶᠢᠭᠤᠯᠬᠤ ᠪᠠᠷᠢᠯᠭ᠎ᠠ ᠶᠢᠨ ᠲᠦᠯᠦᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ ᠰᠢᠭᠤᠳ ᠭᠦᠢᠴᠡᠳᠭᠡᠵᠦ ᠪᠣᠯᠣᠨ᠎ᠠ᠃ | ᠭᠤᠷᠪᠠᠳᠤᠭᠠᠷ ᠲᠦᠷᠦᠯ᠄ ᠰᠢᠨ᠎ᠡ ᠪᠠᠷ ᠪᠠᠶᠢᠭᠤᠯᠬᠤ ᠪᠠ ᠥᠷᠭᠡᠳᠭᠡᠨ ᠪᠠᠶᠢᠭᠤᠯᠬᠤ ᠲᠦᠷᠦᠯ ᠵᠦᠢᠯ ᠪᠣᠯᠣᠨ᠎ᠠ᠂ ᠡᠭᠦᠨ ᠳᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠬᠢᠮᠳᠠ ᠦᠨ᠎ᠡ ᠪᠠᠷ ᠬᠤᠳᠠᠯᠳᠤᠬᠤ ᠭᠡᠷ᠎ᠡ ᠲᠣᠭᠲᠠᠵᠤ᠂ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠲᠦᠰᠦᠯ ᠢ | ᠬᠢᠨᠠᠨ ᠪᠠᠶᠢᠴᠠᠭᠠᠭᠰᠠᠨ ᠤ ᠳᠠᠷᠠᠭ᠎ᠠ᠂ ᠪᠦᠲᠦᠭᠡᠨ ᠪᠠᠶᠢᠭᠤᠯᠬᠤ ᠪᠠᠷᠢᠯᠭ᠎ᠠ ᠶᠢᠨ ᠲᠦᠯᠦᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ᠂ ᠪᠠᠷᠢᠯᠭ᠎ᠠ ᠪᠠᠷᠢᠬᠤ | ᠵᠥᠪᠰᠢᠶᠡᠷᠡᠯ ᠤᠨ ᠦᠨᠡᠮᠯᠡᠯ ᠢ ᠭᠦᠢᠴᠡᠳᠭᠡᠨ᠎ᠡ᠃ | 2. ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠢ ᠢᠨᠲ᠋ᠧᠷ ᠰᠦᠯᠵᠢᠶ᠎ᠡ ᠯᠦᠭᠡ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠤᠨ᠎ᠠ᠃ ᠪᠡᠯᠡ ᠣᠷᠤᠭᠤᠯᠤᠯᠲᠠ ᠶᠢᠨ | ᠲᠦᠷᠦᠯ ᠵᠦᠢᠯ ᠢ ᠰᠦᠯᠵᠢᠶ᠎ᠡ ᠪᠠᠷ ᠬᠢᠨᠠᠨ ᠵᠥᠪᠰᠢᠶᠡᠷᠡᠵᠦ ᠬᠢᠨᠠᠨ ᠬᠠᠮᠢᠶᠠᠷᠬᠤ ᠲᠠᠪᠴᠠᠩ ᠳᠤ ᠲᠦᠰᠢᠭᠯᠡᠵᠦ᠂ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ | ᠰᠦᠯᠵᠢᠶ᠎ᠡ ᠪᠠᠷ ᠬᠢᠨᠠᠨ ᠵᠥᠪᠰᠢᠶᠡᠷᠡᠬᠦ ᠶᠢᠨ ᠬᠠᠮᠤᠷᠬᠤ ᠨᠤᠷᠮ᠎ᠠ ᠶᠢ ᠠᠯᠬᠤᠮ ᠠᠯᠬᠤᠮ ᠢᠶᠠᠷ ᠥᠷᠭᠡᠳᠭᠡᠨ᠎ᠡ᠃ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠣᠬᠠᠶᠢᠯᠠᠭᠰᠠᠨ ᠠᠵᠢᠯ ᠳᠠᠬᠢ ᠡᠯᠧᠺᠲᠷᠣᠨ ᠲᠠᠮᠠᠭ᠎ᠠ ᠲᠠᠷᠤᠬᠤ ᠮᠡᠷᠭᠡᠵᠢᠯ ᠤᠨ ᠬᠡᠷᠡᠭᠯᠡᠭᠡᠨ ᠢ ᠠᠬᠢᠭᠤᠯᠵᠤ᠂ ᠲᠦᠷᠦᠯ ᠵᠦᠢᠯ ᠢ | ᠬᠢᠨᠠᠨ ᠵᠥᠪᠰᠢᠶᠡᠷᠡᠬᠦ ᠪᠠ ᠪᠦᠲᠦᠭᠡᠨ ᠪᠠᠶᠢᠭᠤᠯᠬᠤ ᠪᠦᠬᠦ ᠶᠠᠪᠤᠴᠠ ᠳᠤ ᠬᠢᠨᠠᠯᠲᠠ ᠲᠠᠯᠪᠢᠵᠤ ᠬᠠᠮᠢᠶᠠᠷᠬᠤ ᠶᠢ ᠴᠢᠩᠭᠠᠳᠬᠠᠵᠤ᠂ ᠬᠢᠨᠠᠨ ᠵᠥᠪᠰᠢᠶᠡᠷᠡᠬᠦ ᠴᠠᠭ ᠢ | ᠬᠠᠭᠠᠰ ᠢᠶᠠᠷ ᠪᠠᠭᠠᠰᠬᠠᠬᠤ ᠬᠠᠷᠠᠯᠲᠠ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ | 3. ᠬᠢᠨᠠᠨ ᠵᠥᠪᠰᠢᠶᠡᠷᠡᠬᠦ ᠶᠢᠨ ᠤᠷᠢᠳᠠᠴᠢ ᠨᠦᠬᠦᠴᠡᠯ ᠢ ᠴᠤᠮᠬᠠᠳᠬᠠᠨ᠎ᠠ᠃ ᠨᠡᠶᠢᠭᠡᠮ ᠤᠨ ᠬᠢᠨ ᠤ ᠣᠷᠤᠭᠤᠯᠤᠯᠲᠠ ᠬᠢᠭᠰᠡᠨ ᠭᠡᠷ ᠪᠠᠶᠢᠰᠢᠩ ᠤᠨ ᠪᠠᠷᠢᠯᠭ᠎ᠠ ᠶᠢᠨ | ᠳᠠᠭᠠᠭᠠᠴᠢᠯᠠᠭᠤᠯᠬᠤ ᠠᠷᠭ᠎ᠠ ᠬᠡᠯᠪᠡᠷᠢ ᠶᠢ ᠪᠦᠲᠦᠭᠡᠨ ᠪᠠᠶᠢᠭᠤᠯᠬᠤ ᠨᠢᠭᠡᠴᠢ ᠨᠢ ᠡᠵᠡ ᠮᠡᠳᠡᠨ ᠲᠣᠭᠲᠠᠭᠠᠵᠤ᠂ ᠳᠠᠭᠠᠭᠠᠴᠢᠯᠠᠯᠲᠠ ᠵᠠᠷᠯᠠᠬᠤ ᠪᠠ ᠬᠦᠯᠢᠶᠡᠬᠦ ᠶᠢ ᠳᠠᠬᠢᠵᠤ | ᠠᠯᠪᠠ ᠪᠠᠷ ᠶᠠᠪᠤᠭᠳᠠᠭᠤᠯᠬᠤ ᠦᠭᠡᠢ᠃ ᠪᠦᠲᠦᠭᠡᠨ ᠪᠠᠶᠢᠭᠤᠯᠬᠤ ᠨᠢᠭᠡᠴᠢ ᠶᠢᠨ ᠬᠢᠨ ᠤ ᠪᠡᠯᠡ ᠮᠦᠩᠭᠦᠨ ᠤ ᠪᠠᠲᠤᠯᠠᠭ᠎ᠠ ᠶᠢᠨ ᠪᠢᠴᠢᠭ ᠪᠣᠶᠣ ᠪᠡᠯᠡ ᠮᠦᠩᠭᠦ ᠨᠢ | ᠪᠦᠷᠢᠳᠦᠭᠰᠡᠨ ᠭᠡᠷᠡᠴᠢ ᠭᠦᠢᠴᠡᠳᠭᠡᠬᠦ ᠶᠢ ᠬᠦᠴᠦᠨ ᠦᠭᠡᠢ ᠪᠣᠯᠭᠠᠨ᠎ᠠ᠃ ᠡᠯ᠎ᠡ ᠲᠦᠷᠦᠯ ᠤᠨ ᠬᠢᠨᠠᠨ ᠵᠥᠪᠰᠢᠶᠡᠷᠡᠯ ᠤᠨ ᠤᠷᠢᠳᠠᠴᠢ ᠨᠦᠬᠦᠴᠡᠯ ᠪᠣᠯᠣᠨ ᠭᠤᠶᠤᠴᠢᠯᠠᠨ | ᠮᠡᠳᠡᠭᠦᠯᠬᠦ ᠮᠠᠲ᠋ᠧᠷᠢᠶᠠᠯ ᠳᠤ ᠵᠠᠷᠴᠢᠮ ᠤᠨ ᠲᠠᠯ᠎ᠠ ᠪᠠᠷ ︽ᠰᠠᠭᠤᠷᠢ ᠠᠴᠠ ᠨᠢ ᠪᠠᠲᠤᠯᠠᠬᠤ ᠵᠦᠢᠯ ᠵᠣᠷᠪᠤᠰ︾ ᠢ ᠲᠣᠭᠲᠠᠭᠠᠵᠤ ᠪᠣᠯᠬᠤ ᠦᠭᠡᠢ᠃ ᠭᠦᠢᠴᠡᠳᠭᠡᠬᠦ ᠰᠠᠯᠠᠭ᠎ᠠ | ᠮᠦᠴᠢᠷ ᠤᠨ ᠬᠠᠷᠭᠤᠭᠤᠯᠤᠨ ᠣᠯᠭᠤᠭᠰᠠᠨ ᠬᠢᠨᠠᠨ ᠵᠥᠪᠰᠢᠶᠡᠷᠡᠬᠦ ᠪᠢᠴᠢᠭ ᠮᠠᠲ᠋ᠧᠷᠢᠶᠠᠯ ᠢ ᠲᠤᠰ ᠰᠠᠯᠠᠭ᠎ᠠ ᠮᠦᠴᠢᠷ ᠨᠢ ᠵᠠᠰᠠᠭ ᠵᠠᠬᠢᠷᠭᠠᠨ ᠤ ᠪᠤᠰᠤᠳ ᠪᠠᠶᠢᠭᠤᠯᠭ᠎ᠠ ᠳᠤ | ᠲᠠᠨᠢᠯᠴᠠᠭᠤᠯᠤᠨ ᠬᠦᠷᠭᠡᠵᠦ᠂ ᠪᠦᠲᠦᠭᠡᠨ ᠪᠠᠶᠢᠭᠤᠯᠬᠤ ᠨᠢᠭᠡᠴᠢ ᠶᠢ ᠳᠠᠬᠢᠨ ᠳᠠᠪᠲᠠᠨ ᠲᠤᠰᠢᠶᠠᠯᠭᠠᠬᠤ ᠪᠠᠷ ᠱᠠᠭᠠᠷᠳᠠᠬᠤ ᠦᠭᠡᠢ᠃ | 4. ᠣᠯᠠᠨ ᠦᠨᠡᠯᠡᠯᠲᠡ ᠶᠢ ᠬᠠᠮᠲᠤᠷᠠᠨ ᠬᠢᠨᠠᠬᠤ᠂ ᠣᠯᠠᠨ ᠵᠢᠷᠤᠭ ᠲᠦᠯᠦᠪᠯᠡᠭᠡ ᠶᠢ ᠬᠤᠯᠪᠣᠭᠠᠯᠠᠨ ᠬᠢᠨᠠᠬᠤ ᠶᠢ ᠬᠡᠷᠡᠭᠵᠢᠭᠦᠯᠦᠨ᠎ᠡ᠃ ᠡᠯ᠎ᠡ ᠲᠦᠷᠦᠯ ᠤᠨ | ᠦᠨᠡᠯᠡᠨ ᠵᠢᠱᠢᠬᠦ ᠴᠤᠪᠤᠷᠠᠯ ᠢ ᠰᠢᠯᠢᠳᠡᠭᠵᠢᠭᠦᠯᠵᠦ᠂ ᠬᠠᠮᠲᠤᠳᠬᠠᠨ ᠬᠢᠨᠠᠨ ᠵᠥᠪᠰᠢᠶᠡᠷᠡᠬᠦ ᠶᠢ ᠬᠦᠴᠦᠲᠡᠢ ᠬᠡᠷᠡᠭᠵᠢᠭᠦᠯᠦᠨ᠂ ᠵᠡᠷᠭᠡ ᠳᠤ ᠨᠢ ᠦᠨᠡᠯᠡᠨ ᠵᠢᠱᠢᠬᠦ᠂ | ᠵᠡᠷᠭᠡ ᠳᠤ ᠨᠢ ᠬᠢᠨᠠᠨ ᠵᠥᠪᠰᠢᠶᠡᠷᠡᠬᠦ᠂ ᠵᠡᠷᠭᠡ ᠳᠤ ᠨᠢ ᠬᠠᠷᠢᠭᠤ ᠲᠤᠰᠬᠠᠬᠤ ᠶᠢ ᠪᠡᠶᠡᠯᠡᠭᠦᠯᠦᠨ᠎ᠡ᠃ ᠪᠠᠷᠢᠯᠭ᠎ᠠ ᠪᠠᠷᠢᠬᠤ ᠵᠢᠷᠤᠭ ᠲᠦᠯᠦᠪᠯᠡᠭᠡ ᠶᠢᠨ ᠪᠢᠴᠢᠭ ᠮᠠᠲ᠋ᠧᠷᠢᠶᠠᠯ ᠢ | ᠨᠢᠭᠡᠲᠦᠯᠲᠡᠢ ᠬᠦᠯᠢᠶᠡᠨ ᠠᠪᠴᠤ ᠰᠢᠢᠳᠪᠦᠷᠢᠯᠡᠬᠦ᠂ ᠵᠡᠷᠭᠡ ᠳᠤ ᠨᠢ ᠬᠤᠯᠪᠣᠭᠠᠯᠠᠨ ᠬᠢᠨᠠᠵᠤ ᠪᠠᠶᠢᠴᠠᠭᠠᠬᠤ ᠠᠷᠭ᠎ᠠ ᠬᠡᠯᠪᠡᠷᠢ ᠶᠢ ᠠᠪᠴᠤ᠂ ᠣᠷᠣᠨ ᠰᠠᠭᠤᠴᠠ ᠬᠤᠲᠠ | ᠬᠦᠳᠡᠭᠡ ᠶᠢᠨ ᠪᠦᠲᠦᠭᠡᠨ ᠪᠠᠶᠢᠭᠤᠯᠤᠯᠲᠠ᠂ ᠭᠠᠯ ᠰᠡᠷᠭᠡᠶᠢᠯᠡᠯᠲᠡ᠂ ᠠᠷᠠᠳ ᠤᠨ ᠰᠡᠷᠭᠡᠶᠢᠯᠡᠯᠲᠡ᠂ ᠭᠠᠵᠠᠷ ᠬᠦᠳᠡᠯᠦᠯᠲᠡ ᠵᠡᠷᠭᠡ ᠰᠠᠯᠠᠭ᠎ᠠ ᠮᠦᠴᠢᠷ ᠤᠳ ᠡᠭᠦᠷᠭᠡᠲᠦ | ᠴᠢᠳᠠᠪᠤᠷᠢ ᠪᠣᠯᠣᠨ ᠡᠭᠦᠷᠭᠡ ᠶᠢᠨ ᠢᠶᠠᠨ ᠱᠠᠭᠠᠷᠳᠠᠯᠭ᠎ᠠ ᠶᠣᠰᠤᠭᠠᠷ᠂ ᠲᠣᠭᠲᠠᠭᠠᠭᠰᠠᠨ ᠴᠠᠭ ᠲᠤ ᠬᠢᠨᠠᠨ ᠪᠠᠶᠢᠴᠠᠭᠠᠵᠤ ᠳᠠᠭᠤᠰᠬᠠᠨ᠎ᠠ᠃ | ︵ᠭᠤᠷᠪᠠ︶ ᠠᠵᠤ ᠠᠬᠤᠶᠢᠯᠠᠯ ᠤᠨ ᠤᠰᠤ ᠴᠠᠬᠢᠯᠭᠠᠨ ᠰᠢᠲᠠᠮᠠᠬᠠᠢ ᠬᠡᠢ ᠳᠤᠯᠠᠭᠠᠯᠠᠭ᠎ᠠ ᠶᠢ ᠪᠦᠷᠢᠳᠦᠭᠦᠯᠬᠦ ᠳᠤ ᠳᠦᠭᠦᠮ ᠦᠵᠡᠭᠦᠯᠦᠨ᠎ᠡ᠃ | 1. ᠤᠰᠤ ᠴᠠᠬᠢᠯᠭᠠᠨ ᠰᠢᠲᠠᠮᠠᠬᠠᠢ ᠬᠡᠢ ᠳᠤᠯᠠᠭᠠᠯᠠᠭ᠎ᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠤᠰᠤ | ᠴᠠᠬᠢᠯᠭᠠᠨ ᠰᠢᠲᠠᠮᠠᠬᠠᠢ ᠬᠡᠢ ᠳᠤᠯᠠᠭᠠᠯᠠᠭ᠎ᠠ ᠶᠢᠨ ᠪᠠᠷᠢᠯᠭ᠎ᠠ ᠶᠢ ᠲᠦᠯᠦᠪᠵᠢᠭᠦᠯᠬᠦ᠂ ᠪᠠᠷᠢᠯᠭ᠎ᠠ ᠪᠠᠷᠢᠬᠤ ᠵᠡᠷᠭᠡ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠭᠠᠷᠳᠠᠮ ᠢ | ᠲᠦᠷᠦᠯ ᠵᠦᠢᠯ ᠤᠨ ᠲᠤᠰ ᠪᠡᠶ᠎ᠡ ᠶᠢᠨ ᠪᠠᠷᠢᠯᠭ᠎ᠠ ᠳᠤ ᠣᠷᠤᠭᠤᠯᠤᠭᠠᠳ ᠵᠡᠷᠭᠡ ᠳᠤ ᠨᠢ ᠭᠦᠢᠴᠡᠳᠭᠡᠨ᠎ᠡ᠃ ᠤᠰᠤ ᠴᠠᠬᠢᠯᠭᠠᠨ ᠰᠢᠲᠠᠮᠠᠬᠠᠢ ᠬᠡᠢ ᠳᠤᠯᠠᠭᠠᠯᠠᠭ᠎ᠠ ᠶᠢᠨ | ᠪᠠᠷᠢᠯᠭ᠎ᠠ ᠪᠠᠷᠢᠬᠤ ᠶᠠᠪᠤᠴᠠ ᠳᠤ ᠬᠡᠷᠡᠭᠯᠡᠭᠴᠢᠳ ᠤᠨ ᠭᠦᠢᠴᠡᠳᠭᠡᠬᠦ ᠵᠠᠮ ᠡᠵᠡᠯᠡᠬᠦ ᠵᠥᠪᠰᠢᠶᠡᠷᠡᠯ᠂ ᠵᠠᠮ ᠬᠠᠷᠢᠯᠴᠠᠭ᠎ᠠ ᠶᠢᠨ ᠠᠮᠦᠷ ᠲᠥᠪᠰᠢᠨ ᠢ ᠨᠦᠯᠦᠭᠡᠯᠡᠵᠦ ᠵᠠᠮ | ᠡᠵᠡᠯᠡᠨ ᠪᠠᠷᠢᠯᠭ᠎ᠠ ᠪᠠᠷᠢᠬᠤ ᠵᠥᠪᠰᠢᠶᠡᠷᠡᠯ ᠢ ᠬᠠᠮᠲᠤᠳᠬᠠᠨ ᠬᠢᠨᠠᠵᠤ ᠵᠥᠪᠰᠢᠶᠡᠷᠡᠨ᠎ᠡ᠃ | 2. ᠤᠰᠤ ᠴᠠᠬᠢᠯᠭᠠᠨ ᠰᠢᠲᠠᠮᠠᠬᠠᠢ ᠬᠡᠢ ᠳᠤᠯᠠᠭᠠᠯᠠᠭ᠎ᠠ ᠬᠠᠩᠭᠠᠬᠤ ᠠᠵᠤ ᠠᠬᠤᠶᠢᠯᠠᠯ ᠤᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠤᠰᠤ | ᠴᠠᠬᠢᠯᠭᠠᠨ ᠰᠢᠲᠠᠮᠠᠬᠠᠢ ᠬᠡᠢ ᠳᠤᠯᠠᠭᠠᠯᠠᠭ᠎ᠠ ᠬᠠᠩᠭᠠᠬᠤ ᠠᠵᠤ ᠠᠬᠤᠶᠢᠯᠠᠯ ᠤᠨ ᠲᠤᠳᠤᠭᠠᠲᠤ ᠳᠠᠬᠢ ᠭᠦᠢᠴᠡᠳᠭᠡᠬᠦ ᠴᠤᠪᠤᠷᠠᠯ ᠢ ᠨᠢ ᠡᠮᠬᠢᠯᠡᠨ ᠨᠡᠶᠢᠯᠡᠭᠦᠯᠵᠦ᠂ | ᠬᠡᠷᠡᠭᠯᠡᠭᠴᠢᠳ ᠤᠨ ᠭᠤᠶᠤᠴᠢᠯᠠᠬᠤ ᠮᠠᠲ᠋ᠧᠷᠢᠶᠠᠯ ᠢ ᠨᠢ ᠴᠤᠮᠬᠠᠳᠬᠠᠵᠤ᠂ ᠭᠦᠢᠴᠡᠳᠭᠡᠬᠦ ᠭᠤᠭᠴᠤᠭ᠎ᠠ ᠶᠢ ᠪᠠᠭᠠᠰᠬᠠᠨ᠎ᠠ᠃ ᠨᠢᠭᠡ ᠬᠤᠲᠠ ᠶᠢᠨ ᠣᠨᠳᠤᠤ ᠭᠠᠵᠠᠷ ᠲᠤ | ᠬᠦᠯᠢᠶᠡᠨ ᠠᠪᠬᠤ᠂ ︽ᠨᠢᠭᠡ ᠥᠷᠲᠡᠭᠡ ᠮᠠᠶ᠋ᠢᠭ︾ ᠢᠶᠠᠷ ᠠᠵᠢᠯᠯᠠᠬᠤ᠂ ᠨᠢᠭᠡ ᠯᠡ ᠤᠳᠠᠭ᠎ᠠ ᠳᠤ ᠮᠡᠳᠡᠭᠳᠡᠬᠦ ᠦᠢᠯᠡᠴᠢᠯᠡᠭᠡᠨ ᠤ ᠲᠣᠭᠲᠠᠴᠠ ᠶᠢ ᠬᠡᠷᠡᠭᠵᠢᠭᠦᠯᠦᠨ᠎ᠡ᠃ | ᠢᠨᠲ᠋ᠧᠷ ᠰᠦᠯᠵᠢᠶ᠎ᠡ ᠳᠤ ᠲᠦᠰᠢᠭᠯᠡᠨ᠂ ᠬᠠᠷᠢᠴᠠᠭᠠᠨ ᠤ ᠡᠷᠦᠬᠡ ᠶᠢᠨ ᠮᠡᠳᠡᠭᠦᠯᠵᠦ ᠤᠭᠰᠠᠷᠠᠬᠤ ᠠᠴᠠ ᠰᠦᠢᠳᠭᠡᠯ ᠲᠤᠰᠢᠶᠠᠬᠤ ᠬᠦᠷᠲᠡᠯᠡᠬᠢ ᠪᠦᠬᠦ ᠶᠠᠪᠤᠴᠠ ᠶᠢ | ᠰᠦᠯᠵᠢᠶ᠎ᠡ ᠪᠠᠷ ᠭᠦᠢᠴᠡᠳᠭᠡᠬᠦ ᠶᠢ ᠪᠡᠶᠡᠯᠡᠭᠦᠯᠦᠨ᠎ᠡ᠃ | 3. ᠤᠰᠤ ᠴᠠᠬᠢᠯᠭᠠᠨ ᠰᠢᠲᠠᠮᠠᠬᠠᠢ ᠬᠡᠢ ᠳᠤᠯᠠᠭᠠᠯᠠᠭ᠎ᠠ ᠶᠢ ᠪᠦᠷᠢᠳᠦᠭᠦᠯᠬᠦ ᠴᠠᠭ ᠤᠨ ᠬᠢᠵᠠᠭᠠᠷ ᠢ ᠪᠤᠭᠤᠨᠢᠰᠬᠠᠨ᠎ᠠ᠃ ᠤᠰᠤ ᠬᠠᠩᠭᠠᠬᠤ ᠲᠠᠯ᠎ᠠ ᠪᠠᠷ᠂ ᠠᠶᠢᠮᠠᠭ ᠤᠨ | ᠵᠠᠬᠢᠷᠭ᠎ᠠ ᠶᠢᠨ ᠪᠠᠶᠢᠭ᠎ᠠ ᠭᠠᠵᠠᠷ᠂ ᠬᠤᠲᠠ ᠶᠢᠨ ᠬᠠᠷᠢᠶᠠᠲᠤ ᠲᠣᠭᠤᠷᠢᠭ ᠲᠤ ᠭᠦᠢᠴᠡᠳᠭᠡᠬᠦ ᠴᠠᠭ ᠤᠨ ᠬᠢᠵᠠᠭᠠᠷ ᠢ ᠵᠠᠷᠴᠢᠮ ᠤᠨ ᠲᠠᠯ᠎ᠠ ᠪᠠᠷ 60 ᠠᠵᠢᠯᠯᠠᠬᠤ | ᠡᠳᠦᠷ ᠠᠴᠠ ᠬᠡᠲᠦᠷᠡᠭᠦᠯᠵᠦ ᠪᠣᠯᠬᠤ ᠦᠭᠡᠢ᠂ ᠡᠯ᠎ᠡ ᠬᠤᠰᠢᠭᠤ ᠰᠢᠶᠠᠨ ︵ᠬᠤᠲᠠ︶ ᠤ ᠬᠤᠲᠠ ᠲᠣᠭᠤᠷᠢᠭ ᠲᠤ ᠭᠦᠢᠴᠡᠳᠭᠡᠬᠦ ᠴᠠᠭ ᠤᠨ ᠬᠢᠵᠠᠭᠠᠷ ᠢ ᠵᠠᠷᠴᠢᠮ ᠤᠨ | ᠲᠠᠯ᠎ᠠ ᠪᠠᠷ 30 ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ ᠦᠭᠡᠢ᠃ ᠴᠠᠬᠢᠯᠭᠠᠨ ᠬᠠᠩᠭᠠᠬᠤ ᠲᠠᠯ᠎ᠠ ᠪᠠᠷ᠂ ᠳᠣᠣᠷ᠎ᠠ ᠬᠦᠴᠦᠳᠡᠯᠲᠦ ᠴᠠᠬᠢᠯᠭᠠᠨ ᠤ ᠮᠡᠳᠡᠭᠦᠯᠵᠦ | ᠤᠭᠰᠠᠷᠠᠬᠤ ᠶᠢᠨ ᠭᠦᠢᠴᠡᠳᠭᠡᠬᠦ ᠴᠠᠭ ᠤᠨ ᠬᠢᠵᠠᠭᠠᠷ ᠢ ᠵᠠᠷᠴᠢᠮ ᠤᠨ ᠲᠠᠯ᠎ᠠ ᠪᠠᠷ 15 ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ ᠦᠭᠡᠢ᠂ ᠦᠨᠳᠦᠷ | ᠬᠦᠴᠦᠳᠡᠯᠲᠦ ᠴᠠᠬᠢᠯᠭᠠᠨ ᠤ ᠳᠠᠩ ᠡᠭᠦᠰᠭᠡᠭᠴᠢ ᠶᠢ ᠪᠣᠯ ᠵᠠᠷᠴᠢᠮ ᠤᠨ ᠲᠠᠯ᠎ᠠ ᠪᠠᠷ 40 ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ ᠦᠭᠡᠢ᠂ ᠦᠨᠳᠦᠷ | ᠬᠦᠴᠦᠳᠡᠯᠲᠦ ᠴᠠᠬᠢᠯᠭᠠᠨ ᠤ ᠬᠤᠣᠰ ᠡᠭᠦᠰᠭᠡᠭᠴᠢ ᠶᠢ ᠪᠣᠯ ᠵᠠᠷᠴᠢᠮ ᠤᠨ ᠲᠠᠯ᠎ᠠ ᠪᠠᠷ 55 ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ ᠦᠭᠡᠢ᠃ ᠰᠢᠲᠠᠮᠠᠬᠠᠢ ᠬᠡᠢ | ᠬᠠᠩᠭᠠᠬᠤ ᠲᠠᠯ᠎ᠠ ᠪᠠᠷ᠂ ᠮᠡᠳᠡᠭᠦᠯᠦᠨ ᠪᠠᠶᠢᠭᠤᠯᠬᠤ ᠠᠵᠢᠯ ᠤᠨ ᠭᠦᠢᠴᠡᠳᠭᠡᠬᠦ ᠴᠠᠭ ᠤᠨ ᠬᠢᠵᠠᠭᠠᠷ ᠢ ᠵᠠᠷᠴᠢᠮ ᠤᠨ ᠲᠠᠯ᠎ᠠ ᠪᠠᠷ 10 ᠠᠵᠢᠯᠯᠠᠬᠤ ᠡᠳᠦᠷ ᠠᠴᠠ | ᠬᠡᠲᠦᠷᠡᠭᠦᠯᠵᠦ ᠪᠣᠯᠬᠤ ᠦᠭᠡᠢ᠃ ᠳᠤᠯᠠᠭᠠᠯᠠᠭ᠎ᠠ ᠬᠠᠩᠭᠠᠬᠤ ᠲᠠᠯ᠎ᠠ ᠪᠠᠷ᠂ ᠭᠦᠢᠴᠡᠳᠭᠡᠬᠦ ᠴᠠᠭ ᠤᠨ ᠬᠢᠵᠠᠭᠠᠷ ᠢ ᠵᠠᠷᠴᠢᠮ ᠤᠨ ᠲᠠᠯ᠎ᠠ ᠪᠠᠷ 60 ᠠᠵᠢᠯᠯᠠᠬᠤ ᠡᠳᠦᠷ ᠠᠴᠠ | ᠬᠡᠲᠦᠷᠡᠭᠦᠯᠵᠦ ᠪᠣᠯᠬᠤ ᠦᠭᠡᠢ᠃ | 4. ᠤᠰᠤ ᠴᠠᠬᠢᠯᠭᠠᠨ ᠰᠢᠲᠠᠮᠠᠬᠠᠢ ᠬᠡᠢ ᠳᠤᠯᠠᠭᠠᠯᠠᠭ᠎ᠠ ᠶᠢᠨ ᠵᠠᠯᠭᠠᠵᠤ ᠤᠭᠰᠠᠷᠠᠬᠤ ᠵᠠᠷᠤᠳᠠᠯ ᠢ ᠪᠠᠭᠠᠰᠬᠠᠨ᠎ᠠ᠃ ᠤᠰᠤ ᠴᠠᠬᠢᠯᠭᠠᠨ ᠰᠢᠲᠠᠮᠠᠬᠠᠢ ᠬᠡᠢ | ᠳᠤᠯᠠᠭᠠᠯᠠᠭ᠎ᠠ ᠶᠢ ᠬᠠᠩᠭᠠᠬᠤ ᠠᠵᠤ ᠠᠬᠤᠶᠢᠯᠠᠯ ᠨᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠦᠪᠡᠭᠴᠢᠯᠡᠨ ᠬᠡᠷᠡᠭᠵᠢᠭᠦᠯᠵᠦ᠂ ᠬᠡᠷᠡᠭᠯᠡᠭᠴᠢᠳ ᠤᠨ | ᠳᠠᠷᠤᠭᠠᠰᠤ ᠶᠢ ᠨᠢ ᠬᠦᠩᠭᠡᠯᠡᠬᠦ ᠬᠡᠷᠡᠭᠲᠡᠢ᠃ ︽ᠭᠤᠷᠪᠠ ᠶᠢ ᠵᠢᠭᠠᠨ ᠲᠣᠭᠲᠠᠭᠠᠬᠤ ᠦᠭᠡᠢ︾ ᠵᠠᠷᠴᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠡᠷᠡᠭᠯᠡᠭᠴᠢᠳ ᠨᠢ | ᠪᠠᠷᠢᠯᠭ᠎ᠠ ᠶᠢᠨ ᠵᠢᠷᠤᠵᠤ ᠲᠦᠯᠦᠪᠯᠡᠬᠦ᠂ ᠪᠠᠷᠢᠯᠭ᠎ᠠ ᠪᠠᠷᠢᠬᠤ᠂ ᠲᠥᠭᠦᠭᠡᠷᠦᠮᠵᠢ ᠮᠠᠲ᠋ᠧᠷᠢᠶᠠᠯ ᠬᠠᠩᠭᠠᠬᠤ ᠬᠤᠳᠠᠯᠳᠤᠭᠠᠴᠢᠨ ᠢ ᠴᠢᠯᠦᠭᠡᠲᠡᠢ ᠰᠤᠩᠭᠤᠵᠤ᠂ ᠪᠠᠷᠢᠯᠭ᠎ᠠ ᠶᠢᠨ | ᠠᠵᠢᠯ ᠢ ᠦᠪᠡᠷ ᠢᠶᠠᠨ ᠵᠣᠬᠢᠶᠠᠨ ᠪᠠᠶᠢᠭᠤᠯᠵᠤ ᠬᠢᠨ᠎ᠡ᠃ ᠤᠰᠤ ᠴᠠᠬᠢᠯᠭᠠᠨ ᠰᠢᠲᠠᠮᠠᠬᠠᠢ ᠬᠡᠢ ᠳᠤᠯᠠᠭᠠᠯᠠᠭ᠎ᠠ ᠶᠢ ᠬᠠᠩᠭᠠᠬᠤ ᠠᠵᠤ ᠠᠬᠤᠶᠢᠯᠠᠯ ᠨᠢ ᠭᠠᠭᠴᠠᠭᠠᠷ ᠡᠵᠡᠮᠰᠢᠬᠦ | ᠪᠠᠶᠢᠷᠢ ᠰᠠᠭᠤᠷᠢ ᠪᠠᠨ ᠠᠰᠢᠭᠯᠠᠨ᠂ ᠬᠡᠷᠡᠭᠯᠡᠭᠴᠢᠳ ᠠᠴᠠ ︽ᠪᠤᠰᠤᠳ ᠳᠠᠭᠠᠯᠲᠠ ᠠᠵᠢᠯ ᠤᠨ ᠵᠠᠷᠤᠳᠠᠯ︾ ᠵᠡᠷᠭᠡ ᠰᠦᠢᠳᠭᠡᠯ ᠢ ᠲᠣᠭᠲᠠᠭᠠᠯ ᠠᠴᠠ ᠵᠦᠷᠢᠴᠡᠨ | ᠬᠤᠷᠢᠶᠠᠬᠤ ᠶᠢ ᠲᠠᠰᠤ ᠵᠤᠭᠰᠤᠭᠠᠨ᠎ᠠ᠃ | ︵ᠳᠥᠷᠪᠡ︶ ᠠᠵᠤ ᠠᠬᠤᠶᠢᠯᠠᠯ ᠤᠨ ᠦᠯᠦ ᠬᠦᠳᠡᠯᠬᠦ ᠬᠦᠷᠦᠩᠭᠡ ᠪᠠᠨ ᠳᠠᠩᠰᠠᠯᠠᠨ ᠲᠡᠮᠲᠡᠭᠯᠡᠭᠦᠯᠬᠦ ᠳᠤ ᠳᠦᠭᠦᠮ ᠦᠵᠡᠭᠦᠯᠦᠨ᠎ᠡ᠃ | 1. ᠭᠦᠢᠴᠡᠳᠭᠡᠬᠦ ᠭᠤᠭᠴᠤᠭ᠎ᠠ ᠶᠢ ᠰᠢᠯᠢᠳᠡᠭᠵᠢᠭᠦᠯᠦᠨ᠎ᠡ᠃ ᠦᠯᠦ ᠬᠦᠳᠡᠯᠬᠦ ᠬᠦᠷᠦᠩᠭᠡ ᠶᠢ ᠳᠠᠩᠰᠠᠯᠠᠨ ᠲᠡᠮᠲᠡᠭᠯᠡᠬᠦ ᠳᠤ ᠨᠢᠭᠡ ᠯᠡ ᠴᠤᠩᠬᠤᠪᠴᠢ ᠪᠠᠷ | ᠭᠦᠢᠴᠡᠳᠭᠡᠬᠦ ᠶᠢ ᠬᠡᠷᠡᠭᠵᠢᠭᠦᠯᠵᠦ᠂ ᠭᠡᠷ ᠪᠠᠶᠢᠰᠢᠩ ᠤᠨ ᠠᠷᠠᠯᠵᠢᠶ᠎ᠠ᠂ ᠭᠠᠶᠢᠯᠢ ᠶᠢᠨ ᠶᠠᠪᠤᠳᠠᠯ ᠵᠡᠷᠭᠡ ᠰᠠᠯᠠᠭ᠎ᠠ ᠮᠦᠴᠢᠷ ᠲᠠᠢ ᠨᠢᠭᠡ ᠭᠠᠵᠠᠷ ᠲᠤ ᠠᠵᠢᠯᠯᠠᠬᠤ ᠶᠢ | ᠪᠡᠶᠡᠯᠡᠭᠦᠯᠬᠦ ᠶᠢᠨ ᠬᠠᠮᠲᠤ᠂ ᠮᠡᠳᠡᠭᠡ ᠵᠠᠩᠭᠢ ᠶᠢᠨ ᠬᠠᠮᠲᠤ ᠳᠤ ᠪᠠᠨ ᠬᠦᠷᠲᠡᠬᠦ ᠲᠣᠭᠲᠠᠴᠠ ᠶᠢ ᠪᠠᠶᠢᠭᠤᠯᠤᠨ᠎ᠠ᠃ ᠦᠯᠦ ᠬᠦᠳᠡᠯᠬᠦ ᠬᠦᠷᠦᠩᠭᠡ ᠶᠢ ᠳᠠᠩᠰᠠᠯᠠᠨ | ᠲᠡᠮᠲᠡᠭᠯᠡᠬᠦ ᠶᠢᠨ ᠠᠵᠢᠯ ᠬᠡᠷᠡᠭ ᠭᠦᠢᠴᠡᠳᠭᠡᠬᠦ ᠭᠤᠣᠯ ᠰᠡᠳᠦᠪ ᠤᠨ ᠨᠠᠷᠢᠨ ᠬᠠᠭᠤᠳᠠᠰᠤ ᠶᠢ | ᠲᠣᠭᠲᠠᠭᠠᠨ᠎ᠠ᠃ | 2. ᠭᠦᠢᠴᠡᠳᠭᠡᠬᠦ ᠴᠠᠭ ᠤᠨ ᠬᠢᠵᠠᠭᠠᠷ ᠢ ᠪᠤᠭᠤᠨᠢᠰᠬᠠᠨ᠎ᠠ᠃ ᠤᠭ ᠤᠨ ᠪᠠᠶᠢᠭᠰᠠᠨ ᠭᠡᠷ ᠪᠠᠶᠢᠰᠢᠩ ᠢ ᠬᠤᠳᠠᠯᠳᠤᠭᠠᠯᠠᠬᠤ ᠲᠣᠬᠠᠶᠢᠯᠠᠭᠰᠠᠨ ᠠᠵᠢᠯ ᠳᠤ᠂ ᠭᠡᠷ | ᠪᠠᠶᠢᠰᠢᠩ ᠨᠢ ᠦᠯᠦ ᠬᠦᠳᠡᠯᠬᠦ ᠬᠦᠷᠦᠩᠭᠡ ᠶᠢ ᠳᠠᠩᠰᠠᠯᠠᠨ ᠲᠡᠮᠲᠡᠭᠯᠡᠬᠦ ᠰᠠᠯᠠᠭ᠎ᠠ ᠮᠦᠴᠢᠷ ᠤᠨ ᠣᠯᠭᠤᠭᠰᠠᠨ ᠦᠨᠡᠮᠯᠡᠯ ᠳᠤ ᠬᠤᠯᠪᠣᠭᠳᠠᠭᠰᠠᠨ ᠪᠠᠶᠢᠪᠠᠯ᠂ ᠭᠡᠷ | ᠪᠠᠶᠢᠰᠢᠩ ᠤᠨ ᠢᠷᠡᠯᠲᠡ ᠶᠢ ᠬᠠᠷᠭᠤᠭᠤᠯᠤᠨ ᠰᠢᠯᠭᠠᠭᠤᠯᠬᠤ ᠪᠠᠷ ᠭᠤᠶᠤᠴᠢᠯᠠᠬᠤ ᠳᠤ᠂ ᠭᠦᠢᠴᠡᠳᠭᠡᠬᠦ ᠴᠠᠭ ᠤᠨ ᠬᠢᠵᠠᠭᠠᠷ ᠢ ᠨᠢ 8 ᠠᠵᠢᠯᠯᠠᠬᠤ ᠡᠳᠦᠷ ᠠᠴᠠ | ᠬᠡᠲᠦᠷᠡᠭᠦᠯᠵᠦ ᠪᠣᠯᠬᠤ ᠦᠭᠡᠢ︔ ᠭᠡᠷ ᠪᠠᠶᠢᠰᠢᠩ ᠬᠤᠳᠠᠯᠳᠤᠨ ᠠᠪᠬᠤ ᠬᠢᠷᠢ ᠭᠡᠮ ᠢ ᠨᠢ ᠬᠢᠨᠠᠨ ᠬᠠᠷᠭᠤᠭᠤᠯᠬᠤ ᠲᠣᠬᠠᠶᠢᠯᠠᠭᠰᠠᠨ ᠠᠵᠢᠯ ᠳᠤ᠂ ᠬᠠᠮᠢᠶ᠎ᠠ ᠪᠦᠬᠦᠢ | ᠲᠣᠬᠠᠶᠢᠲᠠᠢ ᠬᠦᠮᠦᠨ ᠤ ᠨᠡᠷ᠎ᠡ ᠳᠠᠬᠢ ᠭᠡᠷ ᠪᠠᠶᠢᠰᠢᠩ ᠨᠢ ᠠᠷᠠᠯᠵᠢᠶᠠᠯᠠᠬᠤ ᠡᠷᠬᠡ ᠬᠠᠷᠢᠶ᠎ᠠ ᠶᠢᠨ ᠰᠢᠰᠲ᠋ᠧᠮ ᠤᠨ ᠣᠯᠭᠤᠭᠰᠠᠨ ᠦᠨᠡᠮᠯᠡᠯ ᠳᠤ ᠬᠤᠯᠪᠣᠭᠳᠠᠭᠰᠠᠨ ᠪᠠᠶᠢᠪᠠᠯ᠂ | ᠬᠢᠷᠢ ᠭᠡᠮ ᠢ ᠬᠢᠨᠠᠨ ᠬᠠᠷᠭᠤᠭᠤᠯᠬᠤ ᠪᠠᠷ ᠭᠤᠶᠤᠴᠢᠯᠠᠬᠤ ᠳᠤ᠂ ᠭᠦᠢᠴᠡᠳᠭᠡᠬᠦ ᠴᠠᠭ ᠤᠨ ᠬᠢᠵᠠᠭᠠᠷ ᠢ ᠨᠢ 8 ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ ᠦᠭᠡᠢ᠃ | 3. ᠰᠦᠯᠵᠢᠶᠡᠨ ᠳᠡᠭᠡᠷᠡᠬᠢ ᠪᠠ ᠰᠦᠯᠵᠢᠶᠡᠨ ᠤ ᠭᠠᠳᠠᠭᠤᠷᠬᠢ ᠶᠢ ᠨᠢᠭᠡ ᠴᠤᠭᠴᠠᠵᠢᠭᠤᠯᠤᠭᠰᠠᠨ ᠲᠣᠭᠲᠠᠴᠠ ᠶᠢ ᠬᠡᠷᠡᠭᠵᠢᠭᠦᠯᠦᠨ᠎ᠡ᠃ ᠦᠯᠦ ᠬᠦᠳᠡᠯᠬᠦ | ᠬᠦᠷᠦᠩᠭᠡ ᠶᠢ ᠳᠠᠩᠰᠠᠯᠠᠨ ᠲᠡᠮᠲᠡᠭᠯᠡᠬᠦ ᠳᠤ ᠰᠦᠯᠵᠢᠶ᠎ᠡ ᠪᠠᠷ ᠤᠷᠢᠳᠴᠢᠯᠠᠨ ᠬᠢᠨᠠᠬᠤ᠂ ᠰᠦᠯᠵᠢᠶᠡᠨ ᠭᠠᠳᠠᠭᠤᠷ ᠬᠠᠷᠭᠤᠭᠤᠯᠤᠨ ᠰᠢᠯᠭᠠᠬᠤ᠂ ᠨᠢᠭᠡ ᠯᠡ ᠤᠳᠠᠭ᠎ᠠ ᠳᠤ | ᠭᠦᠢᠴᠡᠳᠭᠡᠵᠦ ᠳᠠᠭᠤᠰᠬᠠᠬᠤ ᠲᠣᠭᠲᠠᠴᠠ ᠶᠢ ᠪᠠᠶᠢᠭᠤᠯᠤᠨ᠎ᠠ᠃ ᠭᠤᠶᠤᠴᠢᠯᠠᠯ ᠢᠶᠠᠷ ᠡᠬᠢᠯᠡᠭᠦᠯᠦᠭᠰᠡᠨ ᠡᠯ᠎ᠡ ᠲᠦᠷᠦᠯ ᠤᠨ ᠦᠯᠦ ᠬᠦᠳᠡᠯᠬᠦ ᠬᠦᠷᠦᠩᠭᠡ ᠶᠢᠨ ᠳᠠᠩᠰᠠᠯᠠᠨ | ᠲᠡᠮᠲᠡᠭᠯᠡᠬᠦ ᠲᠣᠬᠠᠶᠢᠯᠠᠭᠰᠠᠨ ᠠᠵᠢᠯ ᠢ ᠰᠦᠯᠵᠢᠶ᠎ᠡ ᠪᠠᠷ ᠭᠦᠢᠴᠡᠳᠭᠡᠬᠦ᠂ ᠦᠯᠦ ᠬᠦᠳᠡᠯᠬᠦ ᠬᠦᠷᠦᠩᠭᠡ ᠶᠢᠨ ᠡᠷᠬᠡ ᠶᠢ ᠳᠠᠩᠰᠠᠯᠠᠨ ᠲᠡᠮᠲᠡᠭᠯᠡᠬᠦ ᠰᠦᠢᠳᠭᠡᠯ ᠢ | ᠰᠦᠯᠵᠢᠶ᠎ᠡ ᠪᠠᠷ ᠲᠦᠯᠦᠬᠦ ᠶᠢ ᠪᠡᠶᠡᠯᠡᠭᠦᠯᠦᠨ᠎ᠡ᠃ ᠭᠤᠶᠤᠴᠢᠯᠠᠯ ᠢᠶᠠᠷ ᠡᠬᠢᠯᠡᠭᠦᠯᠦᠭᠰᠡᠨ ᠪᠦᠭᠡᠳ ︽ᠲᠣᠬᠠᠢ ᠶᠢᠨ ᠲᠠᠯᠠᠪᠠᠢ ᠳᠤ ᠨᠢ ᠭᠦᠢᠴᠡᠳᠭᠡᠵᠦ ᠳᠠᠭᠤᠰᠬᠠᠬᠤ ᠪᠤᠰᠤ︾ | ᠳᠠᠩᠰᠠᠯᠠᠨ ᠲᠡᠮᠲᠡᠭᠯᠡᠬᠦ ᠲᠣᠬᠠᠶᠢᠯᠠᠭᠰᠠᠨ ᠠᠵᠢᠯ ᠳᠤ ᠭᠡᠷᠡᠴᠢ ᠪᠠ ᠦᠨᠡᠮᠯᠡᠯ ᠢᠯᠡᠭᠡᠨ ᠬᠦᠷᠭᠡᠬᠦ ᠦᠢᠯᠡᠴᠢᠯᠡᠭᠡ ᠬᠠᠩᠭᠠᠨ᠎ᠠ᠃ | ︵ᠲᠠᠪᠤ︶ ᠠᠵᠤ ᠠᠬᠤᠶᠢᠯᠠᠯ ᠤᠨ ᠬᠢᠨ ᠤ ᠢᠲᠡᠭᠡᠮᠵᠢᠲᠦ ᠵᠢᠭᠡᠯᠡᠯᠭᠡ ᠣᠯᠬᠤ ᠬᠦᠴᠢᠷ ᠢ ᠪᠠᠭᠠᠰᠬᠠᠨ᠎ᠠ᠃ | 1. ᠮᠦᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠭᠤᠣᠯ ᠴᠤᠭᠴᠠ ᠶᠢ ᠨᠡᠮᠡᠭᠳᠡᠭᠦᠯᠦᠨ᠎ᠡ᠃ ᠭᠠᠳᠠᠭᠠᠲᠤ ᠪᠡᠯᠡ ᠶᠢᠨ ᠪᠠᠩᠭᠢ᠂ ᠪᠦᠬᠦ ᠤᠯᠤᠰ ᠤᠨ ᠴᠢᠨᠠᠷᠲᠠᠢ | ᠬᠤᠪᠢᠴᠠᠭᠠᠲᠤ ᠳᠦᠷᠢᠮ ᠤᠨ ᠬᠤᠳᠠᠯᠳᠤᠭᠠᠨ ᠤ ᠪᠠᠩᠭᠢ ᠪᠣᠯᠣᠨ ᠳᠤᠮᠳᠠᠳᠤ ᠭᠠᠳᠠᠭᠠᠲᠤ ᠪᠡᠯᠡ ᠶᠢᠨ ᠳᠠᠭᠠᠳᠬᠠᠯ ᠤᠨ ᠬᠠᠤᠯᠢ ᠶᠢᠨ ᠡᠷᠬᠡᠲᠡᠨ ᠤ | ᠪᠠᠶᠢᠭᠤᠯᠤᠮᠵᠢ ᠶᠢᠨ ᠬᠢᠨ ᠤ ᠮᠠᠨ ᠤ ᠣᠷᠣᠨ ᠳᠤ ᠬᠤᠪᠢᠶᠠᠷᠢ ᠰᠠᠯᠪᠤᠷᠢ ᠪᠠᠶᠢᠭᠤᠯᠤᠮᠵᠢ ᠪᠠᠶᠢᠭᠤᠯᠬᠤ ᠶᠢ ᠵᠣᠷᠢᠬᠵᠢᠭᠤᠯᠤᠨ᠎ᠠ᠃ ᠬᠡᠷᠡᠭᠯᠡᠭᠡ ᠶᠢᠨ ᠮᠦᠩᠭᠦᠨ ᠭᠦᠢᠯᠭᠡᠭᠡᠨ ᠤ | ᠺᠤᠮᠫᠠᠨᠢ ᠵᠡᠷᠭᠡ ᠪᠠᠩᠭᠢ ᠶᠢᠨ ᠪᠤᠰᠤ ᠮᠦᠩᠭᠦᠨ ᠭᠦᠢᠯᠭᠡᠭᠡᠨ ᠤ ᠪᠠᠶᠢᠭᠤᠯᠤᠮᠵᠢ ᠪᠠᠶᠢᠭᠤᠯᠬᠤ ᠶᠢ ᠠᠬᠢᠭᠤᠯᠤᠨ᠎ᠠ᠃ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ | ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠭᠵᠢᠭᠦᠯᠦᠨ ᠪᠣᠵᠠᠭᠠᠶᠢᠷᠠᠭᠤᠯᠵᠤ᠂ ᠪᠠᠭ᠎ᠠ ᠲᠣᠭᠠᠨ ᠤ ᠵᠢᠭᠡᠯᠡᠯᠭᠡ ᠶᠢᠨ ᠺᠤᠮᠫᠠᠨᠢ ᠪᠣᠯᠣᠨ ᠪᠡᠯᠡ ᠲᠣᠬᠢᠷᠠᠭᠤᠯᠭ᠎ᠠ ᠳᠤ | ᠳᠠᠭᠠᠭᠠᠯᠲᠠ ᠬᠢᠬᠦ ᠪᠠᠶᠢᠭᠤᠯᠤᠮᠵᠢ ᠶᠢ ᠢᠳᠡᠪᠬᠢᠲᠡᠢ ᠬᠥᠭᠵᠢᠭᠦᠯᠦᠨ᠎ᠡ᠃ | 2. ᠰᠢᠭᠤᠳ ᠪᠡᠯᠡ ᠲᠣᠬᠢᠷᠠᠭᠤᠯᠭ᠎ᠠ ᠬᠢᠬᠦ ᠬᠡᠪᠴᠢᠶᠡᠵᠢᠯ ᠢ ᠥᠷᠭᠡᠳᠭᠡᠨ᠎ᠡ᠃ ᠠᠵᠤ ᠠᠬᠤᠶᠢᠯᠠᠯ ᠤᠨ ᠵᠢᠷᠤᠮᠵᠢᠭᠤᠯᠤᠭᠰᠠᠨ ᠺᠤᠮᠫᠠᠨᠢ ᠶᠢᠨ ᠳᠦᠷᠢᠮ ᠤᠨ | ᠦᠭᠡᠷᠡᠴᠢᠯᠡᠯᠲᠡ ᠶᠢᠨ ᠠᠬᠢᠴᠠ ᠶᠢ ᠲᠦᠷᠭᠡᠳᠭᠡᠵᠦ᠂ ᠭᠠᠶᠢᠯᠢ ᠰᠦᠢᠳᠭᠡᠯ ᠵᠡᠷᠭᠡ ᠪᠠᠷ ᠳᠡᠮᠵᠢᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠠᠵᠤ | ᠠᠬᠤᠶᠢᠯᠠᠯ ᠤᠨ ᠬᠢᠨ ᠤ ᠬᠢᠯᠢ ᠶᠢᠨ ᠳᠤᠲᠤᠭᠠᠲᠤ ᠭᠠᠳᠠᠭᠠᠲᠤ ᠶᠢᠨ ᠵᠠᠬ᠎ᠠ ᠳᠡᠯᠭᠡᠭᠦᠷ ᠲᠤ ᠭᠠᠷᠬᠤ᠂ ᠰᠢᠨ᠎ᠡ ᠭᠤᠷᠪᠠᠳᠤᠭᠠᠷ ᠰᠠᠮᠪᠠᠷ᠎ᠠ ᠪᠣᠯᠣᠨ ᠣᠷᠣᠨ ᠪᠦᠰᠡ ᠶᠢᠨ | ᠰᠲ᠋ᠣᠺ ᠤᠨ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠲᠤ ᠫᠠᠶᠢᠰᠠ ᠡᠯᠭᠦᠬᠦ ᠶᠢ ᠢᠳᠡᠪᠬᠢᠲᠡᠢ ᠠᠬᠢᠭᠤᠯᠤᠨ᠎ᠠ᠃ ᠮᠦᠩᠭᠦᠨ ᠭᠦᠢᠯᠭᠡᠭᠡᠨ ᠤ ᠪᠤᠰᠤ ᠠᠵᠤ | ᠠᠬᠤᠶᠢᠯᠠᠯ ᠤᠨ ᠬᠢᠨ ᠤ ᠣᠬᠤᠷ ᠬᠤᠭᠤᠴᠠᠭᠠᠨ ᠤ ᠪᠡᠯᠡ ᠲᠣᠬᠢᠷᠠᠭᠤᠯᠬᠤ ᠲᠡᠮᠲᠡᠭᠲᠦ ᠵᠡᠷᠭᠡ ᠮᠦᠩᠭᠦᠨ ᠭᠦᠢᠯᠭᠡᠭᠡᠨ ᠤ ᠪᠤᠰᠤ ᠠᠵᠤ ᠠᠬᠤᠶᠢᠯᠠᠯ ᠤᠨ ᠥᠷᠢ | ᠥᠭᠴᠢᠭᠡ ᠶᠢᠨ ᠪᠡᠯᠡ ᠲᠣᠬᠢᠷᠠᠭᠤᠯᠬᠤ ᠪᠠᠭᠠᠵᠢ ᠲᠠᠷᠬᠠᠭᠠᠵᠤ ᠪᠠᠶᠢᠭᠠᠳ ᠪᠡᠯᠡ ᠮᠦᠩᠭᠦ ᠴᠤᠭᠯᠠᠭᠤᠯᠬᠤ ᠶᠢ ᠳᠡᠮᠵᠢᠨ᠎ᠡ᠃ | 3. ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠣᠷᠴᠢᠨ ᠨᠦᠬᠦᠴᠡᠯ ᠢ ᠰᠢᠯᠢᠳᠡᠭᠵᠢᠭᠦᠯᠦᠨ᠎ᠡ᠃ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨ ᠤ ᠪᠡᠯᠡ | ᠲᠣᠬᠢᠷᠠᠭᠤᠯᠭ᠎ᠠ ᠶᠢᠨ ᠵᠠᠪᠰᠠᠷ ᠤᠨ ᠭᠤᠭᠴᠤᠭ᠎ᠠ ᠪᠠᠨ ᠢᠯᠭᠠᠷᠠᠭᠤᠯᠬᠤ ᠶᠢ ᠨᠢ ᠠᠬᠢᠭᠤᠯᠵᠤ᠂ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠰᠦᠢᠳᠭᠡᠯ ᠬᠤᠷᠢᠶᠠᠬᠤ ᠪᠠ | ᠢᠲᠡᠭᠡᠮᠵᠢᠲᠦ ᠵᠢᠭᠡᠯᠡᠯᠭᠡ ᠲᠠᠯᠪᠢᠬᠤ ᠠᠵᠢᠯᠯᠠᠭ᠎ᠠ ᠶᠢ ᠵᠢᠷᠤᠮᠵᠢᠭᠤᠯᠤᠨ᠎ᠠ᠃ ᠺᠤᠮᠫᠠᠨᠢ ᠶᠢᠨ ᠥᠭᠴᠢᠭᠡ ᠵᠡᠷᠭᠡ ᠠᠷᠭ᠎ᠠ ᠬᠡᠯᠪᠡᠷᠢ ᠶᠢ ᠬᠡᠷᠡᠭᠯᠡᠵᠦ ᠪᠠᠶᠢᠭᠠᠳ ᠢᠲᠡᠭᠡᠮᠵᠢᠲᠦ | ᠵᠢᠭᠡᠯᠡᠯᠭᠡ ᠶᠢᠨ ᠪᠤᠰᠤ ᠪᠡᠯᠡ ᠲᠣᠬᠢᠷᠠᠭᠤᠯᠭ᠎ᠠ ᠶᠢᠨ ᠡᠵᠡᠯᠡᠬᠦ ᠬᠠᠷᠢᠴᠠᠯ ᠢ ᠳᠡᠭᠡᠭᠰᠢᠯᠡᠭᠦᠯᠦᠨ᠎ᠡ᠃ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠤᠳᠤᠭᠠᠲᠤ ᠶᠢᠨ | ᠦᠭᠡᠷᠡᠴᠢᠯᠡᠯᠲᠡ ᠪᠠᠨ ᠭᠦᠨᠵᠡᠭᠡᠶᠢᠷᠡᠭᠦᠯᠬᠦ ᠶᠢ ᠳᠡᠮᠵᠢᠵᠦ᠂ ᠵᠢᠵᠢᠭ ᠪᠢᠴᠢᠯ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠵᠡᠷᠭᠡ ᠳᠤ | ᠴᠢᠭᠯᠡᠭᠦᠯᠦᠭᠰᠡᠨ ᠲᠤᠰᠬᠠᠢ ᠡᠵᠡᠩᠨᠡᠯᠲᠡ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠪᠠᠶᠢᠭᠤᠯᠤᠨ᠎ᠠ᠃ ᠠᠵᠤ ᠠᠬᠤᠶᠢᠯᠠᠯ ᠤᠨ ᠵᠢᠭᠡᠯᠡᠯᠭᠡ ᠶᠢᠨ ᠢᠲᠡᠭᠡᠮᠵᠢ ᠶᠢ ᠦᠨᠡᠯᠡᠨ | ᠵᠢᠱᠢᠬᠦ ᠭᠦᠢᠴᠡᠳᠭᠡᠯ ᠲᠣᠭᠠᠨ ᠤ ᠰᠢᠰᠲ᠋ᠧᠮᠵᠢ ᠳᠠᠬᠢ ᠮᠡᠳᠡᠯᠭᠡ ᠦᠮᠴᠢᠯᠡᠬᠦ ᠡᠷᠬᠡ ᠶᠢᠨ ᠥᠷᠲᠡᠭ ᠢ ᠦᠨᠡᠯᠡᠬᠦ ᠶᠢᠨ ᠲᠡᠩᠨᠡᠭᠦᠯᠬᠦ ᠬᠡᠮᠵᠢᠶ᠎ᠡ ᠶᠢ ᠨᠢ ᠨᠡᠮᠡᠭᠳᠡᠭᠦᠯᠦᠨ᠎ᠡ᠃ | 4. ᠮᠦᠩᠭᠦᠨ ᠭᠦᠢᠯᠭᠡᠭᠡᠨ ᠤ ᠢᠲᠡᠭᠡᠮᠵᠢᠲᠦ ᠵᠢᠭᠡᠯᠡᠯᠭᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠮᠦᠩᠭᠦᠨ ᠭᠦᠢᠯᠭᠡᠭᠡᠨ ᠤ ᠮᠡᠳᠡᠭᠡ ᠵᠠᠩᠭᠢ ᠶᠢ | ᠡᠮᠬᠢᠯᠡᠨ ᠨᠡᠶᠢᠯᠡᠭᠦᠯᠵᠦ ᠬᠠᠮᠲᠤ ᠳᠤ ᠪᠠᠨ ᠬᠦᠷᠲᠡᠬᠦ ᠶᠢ ᠠᠬᠢᠭᠤᠯᠤᠨ᠎ᠠ᠃ ᠮᠦᠩᠭᠦᠨ ᠭᠦᠢᠯᠭᠡᠭᠡᠨ ᠤ ᠦᠢᠯᠡᠴᠢᠯᠡᠭᠡ ᠶᠢᠨ ᠰᠢᠨ᠎ᠡ ᠠᠷᠭ᠎ᠠ ᠵᠠᠮ ᠢ ᠥᠷᠭᠡᠳᠭᠡᠵᠦ᠂ | ᠢᠲᠡᠭᠡᠮᠵᠢᠲᠦ ᠵᠢᠭᠡᠯᠡᠯᠭᠡ ᠶᠢᠨ ᠳᠦᠭᠦᠮᠴᠢᠯᠡᠭᠰᠡᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠢᠶᠠᠨ ᠤ ᠬᠡᠪᠴᠢᠶᠡᠨ ᠤ ᠭᠠᠵᠠᠷ ᠣᠷᠣᠨ ᠳᠤ ᠴᠢᠭᠯᠡᠭᠦᠯᠦᠨ ᠲᠥᠷᠥ ᠶᠢᠨ | ᠪᠣᠳᠣᠯᠭ᠎ᠠ ᠪᠠᠷ ᠲᠡᠳᠭᠦᠨ ᠲᠡᠮᠵᠢᠬᠦ ᠠᠵᠢᠯ ᠢ ᠦᠷᠨᠢᠭᠦᠯᠵᠦ᠂ ᠮᠦᠩᠭᠦᠨ ᠭᠦᠢᠯᠭᠡᠭᠡᠨ ᠤ ᠦᠢᠯᠡᠴᠢᠯᠡᠭᠡ ᠶᠢᠨ ᠬᠠᠮᠤᠷᠬᠤ ᠬᠡᠪᠴᠢᠶ᠎ᠡ ᠶᠢ ᠥᠷᠭᠡᠳᠭᠡᠨ᠎ᠡ᠃ ᠡᠯ᠎ᠡ ᠵᠦᠢᠯ ᠤᠨ | ᠬᠡᠯᠪᠡᠷᠢᠲᠦ ᠪᠡᠯᠡ ᠲᠣᠬᠢᠷᠠᠭᠤᠯᠭ᠎ᠠ ᠶᠢᠨ ᠵᠠᠯᠭᠠᠯᠳᠤᠭᠤᠯᠬᠤ ᠠᠵᠢᠯ ᠤᠨ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠤᠨ ᠥᠷᠢ ᠥᠭᠴᠢᠭᠡ ᠶᠢ ᠳᠠᠬᠢᠵᠤ ᠵᠣᠬᠢᠶᠠᠨ | ᠪᠠᠶᠢᠭᠤᠯᠬᠤ ᠶᠢ ᠠᠬᠢᠭᠤᠯᠤᠨ᠂ ᠠᠵᠤ ᠠᠬᠤᠶᠢᠯᠠᠯ ᠤᠨ ᠵᠦᠢ ᠪᠤᠰᠤ ᠵᠢᠭᠡᠯᠡᠯᠭᠡ ᠶᠢ ᠢᠳᠡᠪᠬᠢᠲᠡᠢ ᠰᠢᠢᠳᠪᠦᠷᠢᠯᠡᠵᠦ᠂ ᠡᠳ᠋ ᠬᠦᠷᠦᠩᠭᠡ ᠶᠢᠨ ᠲᠡᠮᠲᠡᠭᠲᠦᠴᠢᠯᠡᠬᠦ | ᠲᠣᠬᠠᠶᠢᠯᠠᠭᠰᠠᠨ ᠠᠵᠢᠯ ᠤᠨ ᠬᠥᠭᠵᠢᠯᠲᠡ ᠶᠢ ᠳᠡᠮᠵᠢᠵᠦ᠂ ᠪᠡᠯᠡ ᠮᠦᠩᠭᠦ ᠲᠤᠬᠢᠷᠠᠭᠤᠯᠤᠨ ᠳᠦᠬᠦᠷᠵᠢᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ︵ᠵᠢᠷᠭᠤᠭ᠎ᠠ︶ ᠠᠵᠤ ᠠᠬᠤᠶᠢᠯᠠᠯ ᠤᠨ ᠭᠠᠶᠢᠯᠢ ᠲᠤᠰᠢᠶᠠᠬᠤ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ | 1. ᠭᠠᠶᠢᠯᠢ ᠲᠤᠰᠢᠶᠠᠬᠤ ᠪᠠ ᠭᠠᠶᠢᠯᠢ ᠶᠢ ᠨᠢ ᠪᠤᠴᠠᠭᠠᠬᠤ ᠠᠵᠢᠯ ᠤᠨ ᠭᠦᠢᠴᠡᠳᠭᠡᠬᠦ ᠴᠠᠭ ᠤᠨ ᠬᠢᠵᠠᠭᠠᠷ ᠢ ᠨᠢ ᠪᠤᠭᠤᠨᠢᠰᠬᠠᠨ᠎ᠠ᠃ ᠣᠷᠣᠨ ᠪᠦᠰᠡ ᠠᠯᠤᠰᠯᠠᠨ | ᠰᠢᠯᠵᠢᠭᠰᠡᠨ ᠭᠠᠶᠢᠯᠢ ᠲᠤᠰᠢᠶᠠᠭᠴᠢᠳ ᠤᠨ ᠲᠣᠬᠠᠶᠢᠯᠠᠭᠰᠠᠨ ᠠᠵᠢᠯ ᠭᠦᠢᠴᠡᠳᠭᠡᠬᠦ ᠴᠤᠪᠤᠷᠠᠯ ᠢ ᠳᠦᠭᠦᠮᠴᠢᠯᠡᠵᠦ᠂ ᠭᠠᠶᠢᠯᠢ ᠶᠢᠨ ᠠᠵᠢᠯ ᠬᠡᠷᠡᠭ ᠭᠦᠢᠴᠡᠳᠭᠡᠬᠦ | ᠵᠦᠢᠯᠡᠰ ᠤᠨ ︽ᠶᠡᠬᠡᠳᠡᠬᠦ ᠳᠤ ᠪᠠᠨ ᠨᠢᠭᠡ ᠤᠳᠠᠭ᠎ᠠ ᠣᠴᠢᠵᠤ ᠭᠦᠢᠴᠡᠳᠭᠡᠬᠦ︾ ︽ᠪᠦᠬᠦ ᠶᠠᠪᠤᠴᠠ ᠶᠢ ᠰᠦᠯᠵᠢᠶ᠎ᠡ ᠪᠠᠷ ᠭᠦᠢᠴᠡᠳᠭᠡᠬᠦ︾ ᠨᠠᠷᠢᠨ ᠬᠠᠭᠤᠳᠠᠰᠤ ᠶᠢ | ᠬᠡᠷᠡᠭᠵᠢᠭᠦᠯᠦᠨ᠎ᠡ᠃ ᠭᠠᠶᠢᠯᠢ ᠶᠢᠨ ᠶᠠᠪᠤᠳᠠᠯ ᠤᠨ ᠳᠠᠩᠰᠠᠯᠠᠨ ᠲᠡᠮᠲᠡᠭᠯᠡᠬᠦ ᠵᠡᠷᠭᠡ 6 ᠲᠦᠷᠦᠯ ᠤᠨ ᠵᠦᠢᠯᠡᠰ ᠢ ᠪᠦᠬᠦ ᠣᠷᠣᠨ ᠳᠤ ᠨᠡᠶᠢᠳᠡᠮ ᠭᠦᠢᠴᠡᠳᠭᠡᠬᠦ ᠶᠢ | ᠪᠡᠶᠡᠯᠡᠭᠦᠯᠵᠦ᠂ ᠮᠤᠵᠢ ᠠᠯᠤᠰᠯᠠᠨ ᠡᠵᠡᠩᠨᠡᠭᠰᠡᠨ ᠠᠵᠤ ᠠᠬᠤᠶᠢᠯᠠᠯ ᠳᠤ ᠭᠠᠶᠢᠯᠢ ᠲᠠᠢ ᠬᠤᠯᠪᠣᠭᠳᠠᠭᠰᠠᠨ ᠮᠡᠳᠡᠭᠡ ᠵᠠᠩᠭᠢ ᠶᠢᠨ ᠮᠡᠳᠡᠭᠦᠯᠦᠯᠲᠡ ᠬᠠᠩᠭᠠᠬᠤ ᠵᠡᠷᠭᠡ 4 | ᠲᠦᠷᠦᠯ ᠤᠨ 15 ᠵᠦᠢᠯ ᠲᠠᠢ ᠭᠠᠶᠢᠯᠢ ᠶᠢᠨ ᠵᠦᠢᠯᠡᠰ ᠢ ᠪᠦᠬᠦ ᠤᠯᠤᠰ ᠲᠤ ᠨᠡᠶᠢᠳᠡᠮ ᠭᠦᠢᠴᠡᠳᠭᠡᠬᠦ ᠪᠣᠯᠭᠠᠨ᠎ᠠ᠃ ᠭᠠᠶᠢᠯᠢ ᠭᠦᠢᠴᠡᠳᠭᠡᠬᠦ ᠶᠢᠨ ︽ᠢᠵᠢ ᠬᠡᠯᠪᠡᠷᠢ︾ | ᠶᠢᠨ ᠦᠢᠯᠡᠴᠢᠯᠡᠭᠡ ᠶᠢ ᠬᠡᠷᠡᠭᠵᠢᠭᠦᠯᠵᠦ᠂ ᠣᠯᠠᠨ ᠲᠦᠷᠦᠯ ᠤᠨ ᠵᠦᠢᠯᠡᠰ ᠢ ᠨᠢᠭᠡ ᠯᠡ ᠤᠳᠠᠭ᠎ᠠ ᠳᠤ ᠭᠦᠢᠴᠡᠳᠭᠡᠵᠦ ᠳᠠᠭᠤᠰᠬᠠᠨ᠎ᠠ᠃ | 2. ᠭᠠᠶᠢᠯᠢ ᠶᠢᠨ ᠠᠵᠢᠯ ᠬᠡᠷᠡᠭ ᠢ ᠭᠦᠢᠴᠡᠳᠭᠡᠬᠦ ᠦᠢᠯᠡᠴᠢᠯᠡᠭᠡᠨ ᠤ ᠬᠢᠷᠢ ᠲᠥᠪᠰᠢᠨ ᠢ ᠳᠡᠭᠡᠭᠰᠢᠯᠡᠭᠦᠯᠦᠨ᠎ᠡ᠃ ︽ᠠᠷᠠᠳ ᠤᠨ ᠭᠠᠶᠢᠯᠢ ᠤᠨ ᠠᠵᠢᠯ ᠬᠡᠷᠡᠭ | ᠭᠦᠢᠴᠡᠳᠭᠡᠬᠦ ᠳᠤ ᠳᠦᠭᠦᠮ ᠦᠵᠡᠭᠦᠯᠬᠦ ᠤᠷᠢᠬᠠᠨ ᠰᠠᠯᠬᠢᠲᠦ ᠠᠵᠢᠯᠯᠠᠭ᠎ᠠ︾ ᠶᠢ ᠭᠦᠨᠵᠡᠭᠡᠢ ᠦᠷᠨᠢᠭᠦᠯᠦᠨ᠎ᠡ᠃ ᠡᠮᠦᠨ᠎ᠡ ᠲᠠᠪᠴᠠᠩ ᠪᠣᠯᠣᠨ ᠠᠷᠤ ᠲᠠᠯ᠎ᠠ ᠶᠢᠨ | ᠲᠣᠬᠠᠶᠢᠯᠠᠭᠰᠠᠨ ᠠᠵᠢᠯ ᠤᠨ ᠠᠭᠤᠰᠤᠯᠴᠠᠬᠤ ᠶᠢ ᠠᠬᠢᠭᠤᠯᠵᠤ᠂ ᠭᠠᠶᠢᠯᠢ ᠶᠢᠨ ᠠᠵᠢᠯ ᠬᠡᠷᠡᠭ ᠢ ᠭᠦᠢᠴᠡᠳᠭᠡᠬᠦ ᠦᠢᠯᠡᠴᠢᠯᠡᠭᠡᠨ ᠤ ᠲᠠᠩᠬᠢᠮ ᠳᠤ ᠭᠠᠶᠢᠯᠢ ᠶᠢᠨ | ᠲᠣᠬᠠᠶᠢᠯᠠᠭᠰᠠᠨ ᠠᠵᠢᠯ ᠢ ︽ᠨᠢᠭᠡ ᠲᠠᠩᠬᠢᠮ ᠳᠤ ᠨᠡᠶᠢᠳᠡᠮ ᠭᠦᠢᠴᠡᠳᠭᠡᠵᠦ︾ ᠪᠣᠯᠬᠤ ᠶᠢ ᠪᠡᠶᠡᠯᠡᠭᠦᠯᠦᠨ᠎ᠡ᠃ ᠭᠠᠶᠢᠯᠢ ᠶᠢᠨ ᠠᠵᠢᠯ ᠬᠡᠷᠡᠭ ᠢ ᠭᠦᠢᠴᠡᠳᠭᠡᠬᠦ | ᠦᠢᠯᠡᠴᠢᠯᠡᠭᠡᠨ ᠤ ᠲᠠᠩᠬᠢᠮ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠰᠢᠮᠳᠠᠭᠤᠯᠤᠨ ᠵᠢᠯᠤᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠣᠯᠠᠨ ᠲᠦᠮᠡᠨ ᠤ | ᠠᠩᠬᠠᠷᠤᠯ ᠲᠠᠯᠪᠢᠵᠤ ᠪᠠᠶᠢᠭ᠎ᠠ ᠭᠤᠣᠯᠳᠠᠯᠭ᠎ᠠ ᠲᠠᠢ ᠠᠰᠠᠭᠤᠳᠠᠯ ᠢ ᠴᠠᠭ ᠲᠣᠬᠠᠢ ᠳᠤ ᠨᠢ ᠴᠡᠭᠴᠡᠯᠡᠨ ᠰᠠᠶᠢᠵᠢᠷᠠᠭᠤᠯᠤᠨ᠎ᠠ᠃ | 3. ᠣᠯᠠᠨ ᠡᠰᠢᠲᠦ ᠭᠠᠶᠢᠯᠢ ᠶᠢᠨ ᠠᠵᠢᠯ ᠬᠡᠷᠡᠭ ᠭᠦᠢᠴᠡᠳᠭᠡᠬᠦ ᠠᠷᠭ᠎ᠠ ᠵᠠᠮ ᠢ ᠪᠠᠶᠢᠭᠤᠯᠤᠨ᠎ᠠ᠃ ᠰᠦᠯᠵᠢᠶᠡᠨ ᠳᠡᠭᠡᠷ᠎ᠡ ᠴᠠᠭ ᠲᠣᠬᠠᠢ ᠲᠤ ᠨᠢ ᠭᠠᠶᠢᠯᠢ | ᠲᠤᠰᠢᠶᠠᠬᠤ ᠲᠣᠬᠠᠶᠢᠯᠠᠭᠰᠠᠨ ᠠᠵᠢᠯ ᠢ ᠨᠡᠭᠡᠭᠡᠨ ᠡᠬᠢᠯᠡᠭᠦᠯᠵᠦ᠂ ᠪᠠᠷᠢᠮᠲᠠ ᠶᠢ ᠰᠦᠯᠵᠢᠶ᠎ᠡ ᠪᠠᠷ ᠭᠤᠶᠤᠴᠢᠯᠠᠨ ᠠᠪᠬᠤ ᠶᠢ ᠶᠡᠭᠡ ᠪᠠᠷ ᠬᠡᠷᠡᠭᠵᠢᠭᠦᠯᠦᠨ᠂ ᠦᠪᠡᠰᠦᠪᠡᠨ | ᠭᠠᠶᠢᠯᠢ ᠲᠤᠰᠢᠶᠠᠬᠤ ᠦᠢᠯᠡᠴᠢᠯᠡᠭᠡ ᠶᠢ ᠳᠡᠯᠭᠡᠷᠡᠭᠦᠯᠦᠨ᠎ᠡ᠃ ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠭᠠᠶᠢᠯᠢ ᠶᠢᠨ | ᠠᠵᠢᠯ ᠬᠡᠷᠡᠭ ᠢ ᠭᠦᠢᠴᠡᠳᠭᠡᠬᠦ ᠦᠢᠯᠡᠴᠢᠯᠡᠭᠡ ᠶᠢ ᠺᠣᠮᠫᠢᠦᠲ᠋ᠧᠷᠴᠢᠯᠡᠬᠦ᠂ ᠡᠯᠧᠺᠲᠷᠣᠨ ᠪᠤᠳᠠᠳᠤ ᠴᠤᠭᠴᠠ ᠶᠢ ᠴᠢᠨᠠᠷ ᠢᠵᠢᠯᠢᠰᠢᠭᠦᠯᠬᠦ᠂ ᠳᠦᠭᠦᠮ ᠳᠦᠳᠡᠴᠢᠯᠡᠨ | ᠤᠶᠤᠨᠴᠢᠯᠠᠬᠤ ᠶᠢ ᠪᠡᠶᠡᠯᠡᠭᠦᠯᠦᠨ᠎ᠡ᠃ ᠭᠠᠶᠢᠯᠢ ᠲᠠᠲᠠᠪᠤᠷᠢᠯᠠᠬᠤ ᠪᠠ ᠲᠤᠰᠢᠶᠠᠬᠤ ᠶᠢ ᠨᠡᠪᠲᠡᠷᠡᠯᠴᠡᠭᠦᠯᠦᠭᠰᠡᠨ ᠦᠢᠯᠡᠴᠢᠯᠡᠭᠡᠨ ᠤ ᠲᠠᠪᠴᠠᠩ ᠢ ᠴᠤᠭᠴᠠᠯᠠᠨ ᠪᠠᠶᠢᠭᠤᠯᠵᠤ᠂ | ᠠᠰᠠᠭᠤᠨ ᠯᠠᠪᠯᠠᠬᠤ ᠤᠶᠤᠨᠴᠢ ᠦᠢᠯᠡᠴᠢᠯᠡᠭᠡᠨ ᠤ ᠵᠠᠭᠪᠤᠷ ᠲᠤ ᠰᠢᠨ᠎ᠡ ᠶᠢ ᠡᠭᠦᠳᠦᠨ᠎ᠡ᠃ | 4. ᠭᠠᠶᠢᠯᠢ ᠲᠤᠰᠢᠶᠠᠭᠴᠢᠳ ᠤᠨ ᠡᠷᠬᠡ ᠠᠰᠢᠭ ᠢ ᠬᠠᠮᠠᠭᠠᠯᠠᠬᠤ ᠠᠵᠢᠯ ᠢ ᠭᠦᠨᠵᠡᠭᠡᠶᠢᠷᠡᠭᠦᠯᠦᠨ᠎ᠡ᠃ ᠭᠠᠶᠢᠯᠢ ᠲᠤᠰᠢᠶᠠᠭᠴᠢᠳ ᠤᠨ ᠰᠡᠳᠬᠢᠯ ᠬᠠᠨᠤᠮᠵᠢᠲᠠᠢ | ᠪᠠᠶᠢᠬᠤ ᠬᠡᠮᠵᠢᠶ᠎ᠡ ᠶᠢ ᠪᠠᠶᠢᠴᠠᠭᠠᠨ ᠰᠤᠳᠤᠯᠬᠤ ᠪᠠ ᠬᠡᠷᠡᠭᠴᠡᠭᠡ ᠱᠠᠭᠠᠷᠳᠠᠯᠭ᠎ᠠ ᠶᠢ ᠨᠢ ᠬᠤᠷᠢᠶᠠᠨ ᠴᠤᠭᠯᠠᠭᠤᠯᠵᠤ ᠣᠶᠢᠯᠠᠭᠠᠬᠤ ᠠᠵᠢᠯ ᠢ ᠦᠷᠨᠢᠭᠦᠯᠵᠦ᠂ ᠭᠠᠶᠢᠯᠢ | ᠲᠤᠰᠢᠶᠠᠭᠴᠢᠳ ᠤᠨ ᠬᠡᠷᠡᠭᠴᠡᠭᠡ ᠱᠠᠭᠠᠷᠳᠠᠯᠭ᠎ᠠ ᠳᠤ ᠤᠷᠤᠮᠵᠢᠭᠤᠯᠤᠨ ᠬᠠᠮᠢᠶᠠᠷᠬᠤ ᠵᠠᠭᠪᠤᠷ ᠢ ᠪᠠᠶᠢᠭᠤᠯᠵᠤ᠂ ᠭᠠᠶᠢᠯᠢ ᠲᠤᠰᠢᠶᠠᠭᠴᠢᠳ ᠤᠨ ᠬᠡᠷᠡᠭᠴᠡᠭᠡ ᠱᠠᠭᠠᠷᠳᠠᠯᠭ᠎ᠠ ᠶᠢ | ᠥᠷᠭᠡᠨ ᠳᠡᠯᠭᠡᠷ ᠢᠶᠠᠷ ᠬᠤᠷᠢᠶᠠᠨ ᠴᠤᠭᠯᠠᠭᠤᠯᠵᠤ ᠣᠶᠢᠯᠠᠭᠠᠬᠤ᠂ ᠰᠢᠨᠵᠢᠯᠡᠬᠦ ᠤᠬᠠᠭᠠᠨᠴᠢ ᠪᠠᠷ ᠵᠠᠳᠠᠯᠬᠤ᠂ ᠵᠦᠢ ᠵᠣᠬᠢᠰᠲᠠᠢ ᠬᠡᠷᠡᠭᠯᠡᠬᠦ᠂ ᠥᠳᠲᠡᠷ ᠲᠥᠷᠭᠡᠨ ᠳᠠᠭᠠᠬᠤ | ᠲᠤᠰᠠᠭᠠᠷ ᠬᠠᠷᠢᠭᠤᠯᠲᠠ ᠲᠠᠢ ᠬᠠᠮᠢᠶᠠᠷᠤᠯᠲᠠ ᠶᠢ ᠪᠡᠶᠡᠯᠡᠭᠦᠯᠦᠨ᠂ ᠭᠠᠶᠢᠯᠢ ᠲᠤᠰᠢᠶᠠᠭᠴᠢᠳ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠳᠤ ᠴᠠᠭ ᠲᠣᠬᠠᠢ ᠳᠤ ᠨᠢ | ᠬᠠᠷᠢᠭᠤ ᠲᠤᠰᠬᠠᠵᠤ᠂ ᠭᠠᠶᠢᠯᠢ ᠲᠤᠰᠢᠶᠠᠭᠴᠢᠳ ᠤᠨ ᠵᠦᠢ ᠶᠤᠰᠤᠨ ᠤ ᠭᠠᠶᠢᠯᠢ ᠳᠤ ᠬᠤᠯᠪᠣᠭᠳᠠᠭᠰᠠᠨ ᠬᠦᠰᠡᠯ ᠱᠠᠭᠠᠷᠳᠠᠯᠭ᠎ᠠ ᠶᠢ ᠨᠢ ᠬᠦᠨᠳᠦᠳᠭᠡᠨ᠎ᠡ᠃ | ︵ᠳᠤᠯᠤᠭ᠎ᠠ︶ ᠠᠵᠤ ᠠᠬᠤᠶᠢᠯᠠᠯ ᠤᠨ ᠬᠢᠯᠢ ᠠᠯᠤᠰᠯᠠᠨ ᠠᠷᠠᠯᠵᠢᠶᠠᠯᠠᠬᠤ ᠪᠠ ᠪᠡᠯᠡ ᠣᠷᠤᠭᠤᠯᠬᠤ ᠳᠤ ᠳᠦᠭᠦᠮ ᠠᠪᠰᠠᠷᠬᠠᠨ ᠢᠶᠠᠷ ᠭᠦᠢᠴᠡᠳᠭᠡᠬᠦ ᠶᠢ | ᠳᠡᠭᠡᠭᠰᠢᠯᠡᠭᠦᠯᠦᠨ᠎ᠡ᠃ | 1. ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠤᠭᠤᠯᠤᠯᠲᠠ ᠶᠢ ᠠᠰᠢᠭᠯᠠᠬᠤ ᠪᠠᠨ ᠥᠷᠭᠡᠳᠭᠡᠨ᠎ᠡ᠃ ︽ᠭᠠᠳᠠᠭᠠᠳᠤ ᠳᠤ ᠨᠡᠭᠡᠭᠡᠯᠲᠡ ᠬᠢᠬᠦ ᠶᠢ | ᠥᠷᠭᠡᠳᠭᠡᠵᠦ ᠭᠠᠳᠠᠭᠠᠲᠤ ᠪᠡᠯᠡ ᠶᠢ ᠢᠳᠡᠪᠬᠢᠲᠡᠢ ᠠᠰᠢᠭᠯᠠᠬᠤ ᠠᠷᠭ᠎ᠠ ᠬᠡᠮᠵᠢᠶ᠎ᠡ ᠨᠦᠭᠦᠳ ᠤᠨ ᠲᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠠᠬᠢ ᠭᠠᠳᠠᠭᠠᠳᠤ ᠪᠡᠯᠡ ᠶᠢᠨ ᠵᠥᠪᠰᠢᠶᠡᠷᠡᠨ ᠣᠷᠤᠭᠤᠯᠬᠤ ᠬᠢᠵᠠᠭᠠᠷᠯᠠᠯ ᠢ | ᠠᠭᠤᠵᠢᠭᠤ ᠲᠠᠯᠪᠢᠵᠤ᠂ ᠭᠤᠣᠯᠳᠠᠯᠭ᠎ᠠ ᠲᠠᠢ ᠣᠷᠣᠨ ᠪᠦᠰᠡ ᠳᠠᠬᠢ ᠭᠠᠳᠠᠭᠠᠳᠤ ᠪᠡᠯᠡ ᠶᠢ ᠠᠰᠢᠭᠯᠠᠬᠤ ᠬᠢᠷᠢ ᠬᠡᠮᠵᠢᠶ᠎ᠡ ᠶᠢ ᠨᠢ ᠳᠡᠭᠡᠭᠰᠢᠯᠡᠭᠦᠯᠦᠨ᠎ᠡ᠃ ᠤᠯᠤᠰ | ᠠᠯᠤᠰᠯᠠᠭᠰᠠᠨ ᠺᠤᠮᠫᠠᠨᠢ ᠶᠢᠨ ᠣᠷᠣᠨ ᠤ ᠲᠤᠳᠤᠭᠠᠲᠤ ᠳᠠᠬᠢ ᠬᠥᠭᠵᠢᠯᠲᠡ ᠶᠢ ᠠᠬᠢᠭᠤᠯᠵᠤ᠂ ᠭᠠᠳᠠᠭᠠᠲᠤ ᠪᠡᠯᠡ ᠶᠢᠨ ᠠᠵᠤ ᠠᠬᠤᠶᠢᠯᠠᠯ ᠤᠨ ᠬᠢᠨ ᠤ ᠣᠷᠣᠨ ᠤ | ᠳᠤᠲᠤᠷ᠎ᠠ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠶᠢ ᠨᠢ ᠵᠣᠷᠢᠬᠵᠢᠭᠤᠯᠵᠤ᠂ ᠬᠢᠯᠢ ᠶᠢᠨ ᠭᠠᠳᠠᠨᠠᠬᠢ ᠪᠡᠯᠡ ᠣᠷᠤᠭᠤᠯᠤᠯᠲᠠ ᠠᠵᠤ ᠠᠬᠤᠢ ᠠᠷᠠᠯᠵᠢᠶ᠎ᠠ ᠶᠢᠨ | ᠬᠠᠮᠲᠤᠷᠠᠨ ᠠᠵᠢᠯᠯᠠᠭᠰᠠᠳ ᠤᠨ ᠲᠣᠣᠷ ᠰᠦᠯᠵᠢᠶ᠎ᠡ ᠶᠢ ᠲᠦᠷᠭᠡᠳᠭᠡᠨ ᠪᠠᠶᠢᠭᠤᠯᠤᠨ᠎ᠠ᠃ | 2. ᠠᠷᠠᠯᠵᠢᠶ᠎ᠠ ᠶᠢᠨ ᠳᠦᠭᠦᠮ ᠠᠪᠰᠠᠷᠬᠠᠨ ᠢᠶᠠᠷ ᠭᠦᠢᠴᠡᠳᠭᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠭᠠᠳᠠᠭᠠᠳᠤ ᠠᠷᠠᠯᠵᠢᠶ᠎ᠠ ᠶᠢᠨ ᠡᠵᠡᠩᠨᠡᠭᠴᠢ ᠶᠢ | ᠪᠦᠷᠢᠳᠭᠡᠨ ᠲᠡᠮᠲᠡᠭᠯᠡᠬᠦ ᠶᠢᠨ ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ︾ ᠲᠣᠬᠠᠶᠢᠯᠠᠭᠰᠠᠨ ᠠᠵᠢᠯ ᠢ ᠬᠢᠨᠠᠮᠠᠭᠠᠢ ᠦᠷᠨᠢᠭᠦᠯᠵᠦ᠂ ︽ᠨᠢᠭᠡ ᠯᠡ ᠬᠦᠰᠦᠨᠦᠭᠲᠦ | ᠂ ᠨᠢᠭᠡ ᠯᠡ ᠴᠤᠩᠬᠤᠪᠴᠢ ᠪᠠᠷ ᠬᠦᠯᠢᠶᠡᠨ ᠠᠪᠴᠤ ᠰᠢᠢᠳᠪᠦᠷᠢᠯᠡᠬᠦ︾ ᠵᠠᠭᠪᠤᠷ ᠢ ᠪᠦᠬᠦ ᠲᠠᠯ᠎ᠠ ᠪᠠᠷ ᠳᠡᠯᠭᠡᠷᠡᠭᠦᠯᠦᠨ᠎ᠡ᠃ ᠬᠢᠯᠢ ᠶᠢᠨ ᠪᠤᠭᠤᠮᠲᠠ ᠶᠢᠨ ᠮᠡᠳᠡᠭᠡ | ᠵᠠᠩᠬᠢᠵᠢᠯᠠᠬᠤ ᠬᠢᠷᠢ ᠲᠥᠪᠰᠢᠨ ᠢ ᠳᠡᠭᠡᠭᠰᠢᠯᠡᠭᠦᠯᠵᠦ᠂ ᠪᠤᠭᠤᠮᠲᠠ ᠪᠠᠷ ᠨᠡᠪᠲᠡᠷᠡᠬᠦ ᠶᠢ ᠬᠢᠨᠠᠨ ᠬᠠᠮᠢᠶᠠᠷᠬᠤ ᠴᠤᠪᠤᠷᠠᠯ ᠢ ᠨᠢ ᠰᠢᠯᠢᠳᠡᠭᠵᠢᠭᠦᠯᠦᠨ᠎ᠡ᠃ ᠭᠠᠳᠠᠭᠠᠳᠤ ᠠᠴᠠ | ᠣᠷᠤᠭᠤᠯᠬᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠤᠨ ᠪᠤᠭᠤᠮᠲᠠ᠂ ᠦᠢᠯᠡᠳᠪᠦᠷᠢ ᠬᠤᠳᠠᠯᠳᠤᠭ᠎ᠠ ᠳᠤ ᠣᠯᠠᠨᠲᠠ ᠮᠡᠳᠡᠭᠦᠯᠬᠦ ᠶᠢ ᠨᠡᠶᠢᠯᠡᠭᠦᠯᠦᠨ ᠨᠢᠭᠡ | ᠪᠣᠯᠭᠠᠬᠤ ᠶᠢ ᠬᠡᠷᠡᠭᠵᠢᠭᠦᠯᠵᠦ᠂ ᠺᠣᠮᠫᠢᠦᠲᠷᠴᠢᠯᠡᠨ ᠠᠵᠢᠯᠯᠠᠵᠤ ᠭᠦᠢᠴᠡᠳᠭᠡᠬᠦ ᠶᠢ ᠳᠡᠯᠭᠡᠷᠡᠭᠦᠯᠵᠦ᠂ ᠬᠠᠭᠤᠳᠠᠰᠤ ᠪᠠᠷᠢᠮᠲᠠ ᠲᠤᠰᠢᠶᠠᠬᠤ ᠠᠷᠭ᠎ᠠ ᠬᠡᠯᠪᠡᠷᠢ ᠶᠢ | ᠰᠢᠯᠢᠳᠡᠭᠵᠢᠭᠦᠯᠦᠨ᠂ ᠦᠨᠡᠮᠯᠡᠯ ᠭᠦᠢᠴᠡᠳᠭᠡᠬᠦ ᠴᠠᠭ ᠤᠨ ᠬᠢᠵᠠᠭᠠᠷ ᠢ ᠪᠦᠬᠦ ᠲᠠᠯ᠎ᠠ ᠪᠠᠷ ᠪᠤᠭᠤᠨᠢᠰᠬᠠᠨ᠎ᠠ᠃ | 3. ᠭᠠᠳᠠᠭᠠᠲᠤ ᠪᠡᠯᠡ ᠶᠢᠨ ᠠᠵᠤ ᠠᠬᠤᠶᠢᠯᠠᠯ ᠤᠨ ᠪᠠᠲᠤᠯᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃ ᠡᠷᠬᠡ ᠲᠡᠭᠰᠢ ᠪᠠᠷ ᠦᠷᠢᠰᠦᠯᠳᠦᠬᠦ ᠣᠷᠴᠢᠨ | ᠨᠦᠬᠦᠴᠡᠯ ᠢ ᠤᠯᠠᠮ ᠨᠢᠭᠡ ᠠᠯᠬᠤᠮ ᠡᠭᠦᠳᠴᠦ᠂ ᠭᠠᠳᠠᠭᠠᠲᠤ ᠪᠡᠯᠡ ᠶᠢᠨ ᠠᠵᠤ ᠠᠬᠤᠶᠢᠯᠠᠯ ᠤᠨ ᠮᠡᠳᠡᠯᠭᠡ ᠦᠮᠴᠢᠯᠡᠬᠦ ᠡᠷᠬᠡ ᠶᠢ ᠴᠢᠩᠭ᠎ᠠ ᠬᠠᠮᠠᠭᠠᠯᠠᠨ᠎ᠠ᠃ ᠬᠠᠷᠢ | ᠨᠤᠲᠤᠭ ᠲᠠᠢ ᠴᠢᠳᠠᠪᠤᠷᠢᠲᠠᠨ ᠢ ᠣᠷᠤᠭᠤᠯᠤᠨ ᠠᠪᠴᠢᠷᠠᠬᠤ ᠠᠷᠭ᠎ᠠ ᠬᠡᠮᠵᠢᠶ᠎ᠡ ᠶᠢ ᠰᠢᠯᠢᠳᠡᠭᠵᠢᠭᠦᠯᠵᠦ᠂ ᠬᠠᠷᠢ ᠨᠤᠲᠤᠭ ᠲᠠᠢ ᠴᠢᠳᠠᠪᠤᠷᠢᠲᠠᠨ ᠤ ᠬᠢᠯᠢ ᠪᠠᠷ ᠣᠷᠤᠵᠤ | ᠭᠠᠷᠬᠤ ᠳᠤ ᠳᠦᠭᠦᠮ ᠦᠵᠡᠭᠦᠯᠦᠨ᠎ᠡ᠃ ︽ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠤᠭᠤᠯᠤᠭᠰᠠᠨ ᠠᠵᠤ ᠠᠬᠤᠶᠢᠯᠠᠯ ᠤᠨ ᠵᠠᠭᠠᠯᠳᠤᠯᠭ᠎ᠠ ᠬᠢᠬᠦ ᠠᠵᠢᠯ ᠤᠨ | ᠲᠦᠷ ᠬᠡᠷᠡᠭᠵᠢᠭᠦᠯᠬᠦ ᠠᠷᠭ᠎ᠠ︾ ᠶᠢ ᠨᠠᠶᠢᠳᠠᠪᠤᠷᠢᠵᠢᠭᠤᠯᠵᠤ᠂ ᠭᠠᠳᠠᠭᠠᠲᠤ ᠶᠢᠨ ᠬᠤᠳᠠᠯᠳᠤᠭᠠᠴᠢᠨ ᠤ ᠵᠠᠭᠠᠯᠳᠤᠯᠭ᠎ᠠ ᠬᠢᠬᠦ ᠲᠣᠭᠲᠠᠴᠠ ᠶᠢ ᠲᠡᠭᠦᠯᠳᠡᠷᠵᠢᠭᠦᠯᠦᠨ᠂ | ᠳᠤᠪᠤᠶᠢᠮ᠎ᠠ ᠠᠰᠠᠭᠤᠳᠠᠯ ᠤᠳ ᠢ ᠴᠠᠭ ᠲᠣᠬᠠᠢ ᠳᠤ ᠨᠢ ᠵᠦᠪᠳᠡᠯᠴᠡᠵᠦ ᠰᠢᠢᠳᠪᠦᠷᠢᠯᠡᠨ᠎ᠡ᠃ | ︵ᠨᠠᠢᠮᠠ︶ ᠠᠵᠤ ᠠᠬᠤᠶᠢᠯᠠᠯ ᠤᠨ ᠠᠵᠢᠯᠯᠠᠭᠠᠨ ᠤ ᠦᠪᠡᠷ ᠤᠨ ᠥᠷᠲᠡᠭ ᠢ ᠨᠢ ᠪᠠᠭᠤᠷᠠᠭᠤᠯᠤᠨ᠎ᠠ᠃ | 1. ᠠᠵᠤ ᠠᠬᠤᠶᠢᠯᠠᠯ ᠤᠨ ᠦᠢᠯᠡᠳᠪᠦᠷᠢᠯᠡᠯ ᠤᠨ ᠦᠪᠡᠷ ᠤᠨ ᠥᠷᠲᠡᠭ ᠢ ᠨᠢ ᠪᠠᠭᠤᠷᠠᠭᠤᠯᠤᠨ᠎ᠠ᠃ ᠦᠪᠦᠷ ᠮᠣᠩᠭᠤᠯ ᠤᠨ ᠪᠠᠷᠠᠭᠤᠨ᠂ ᠵᠡᠭᠦᠨ ᠬᠡᠰᠡᠭ ᠤᠨ | ᠭᠠᠵᠠᠷ ᠣᠷᠣᠨ ᠤ ᠴᠠᠬᠢᠯᠭᠠᠨ ᠬᠦᠴᠦᠨ ᠤ ᠠᠷᠠᠯᠵᠢᠶ᠎ᠠ ᠶᠢᠨ ᠵᠠᠬ᠎ᠠ ᠳᠡᠯᠭᠡᠭᠦᠷᠴᠢᠯᠡᠬᠦ ᠬᠡᠮᠵᠢᠶ᠎ᠡ ᠶᠢ ᠦᠷᠭᠦᠯᠵᠢᠯᠡᠨ ᠥᠷᠭᠡᠳᠭᠡᠵᠦ᠂ ᠳᠠᠮᠵᠢᠭᠤᠯᠤᠨ ᠳᠥᠬᠡᠭᠡᠬᠦ | ᠴᠠᠬᠢᠯᠭᠠᠨ ᠤ ᠦᠨ᠎ᠡ ᠬᠠᠩᠰᠢ ᠳᠤ ᠦᠭᠡᠷᠡᠴᠢᠯᠡᠯᠲᠡ ᠬᠢᠬᠦ ᠲᠣᠷᠰᠢᠯᠲᠠ ᠶᠢᠨ ᠲᠥᠷᠥ ᠶᠢᠨ ᠪᠣᠳᠣᠯᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠮᠠᠨ ᠤ ᠣᠷᠣᠨ ᠤ | ᠠᠵᠤ ᠦᠢᠯᠡᠳᠪᠦᠷᠢ ᠶᠢᠨ ᠬᠥᠭᠵᠢᠯᠲᠡ ᠶᠢᠨ ᠰᠢᠰᠲ᠋ᠧᠮᠵᠢ ᠳᠤ ᠲᠣᠬᠢᠷᠠᠭᠰᠠᠨ ᠴᠠᠬᠢᠯᠭᠠᠨ ᠤ ᠦᠨ᠎ᠡ ᠬᠠᠩᠰᠢ ᠶᠢᠨ ᠲᠣᠭᠲᠠᠴᠠ ᠶᠢ ᠰᠦᠪᠡᠭᠴᠢᠯᠡᠨ᠎ᠡ᠃ ᠡᠩ ᠤᠨ | ᠦᠢᠯᠡᠳᠪᠦᠷᠢ ᠬᠤᠳᠠᠯᠳᠤᠭᠠᠨ ᠳᠤ ᠬᠡᠷᠡᠭᠯᠡᠬᠦ ᠴᠠᠬᠢᠯᠭᠠᠨ ᠤ ᠦᠨ᠎ᠡ ᠬᠠᠩᠰᠢ ᠶᠢ ᠡᠮᠬᠢ ᠵᠢᠷᠤᠮ ᠲᠠᠢ ᠪᠠᠷ ᠪᠠᠭᠤᠷᠠᠭᠤᠯᠵᠤ᠂ ᠭᠤᠣᠯᠳᠠᠯᠭ᠎ᠠ ᠲᠠᠢ ᠠᠵᠢᠯ ᠲᠦᠷᠦᠯ ᠤᠨ | ᠬᠡᠷᠡᠭᠯᠡᠬᠦ ᠴᠠᠬᠢᠯᠭᠠᠨ ᠤ ᠦᠨᠳᠦᠰᠦᠨ ᠰᠦᠢᠳᠭᠡᠯ ᠢ ᠵᠢᠷᠤᠮᠵᠢᠭᠤᠯᠤᠨ᠎ᠠ᠃ ᠭᠠᠵᠠᠷ ᠰᠢᠷᠤᠢ ᠶᠢ ᠡᠷᠴᠢᠮᠵᠢᠭᠦᠯᠦᠨ ᠬᠡᠷᠡᠭᠯᠡᠬᠦ ᠶᠢ ᠵᠣᠷᠢᠬᠵᠢᠭᠤᠯᠬᠤ ᠲᠦᠷᠦᠯ ᠤᠨ ᠠᠵᠤ | ᠦᠢᠯᠡᠰ ᠤᠨ ᠲᠦᠷᠦᠯ ᠵᠦᠢᠯ ᠳᠤ ᠡᠩ ᠲᠡᠷᠢᠭᠦᠨ ᠳᠤ ᠭᠠᠵᠠᠷ ᠰᠢᠷᠤᠢ ᠬᠠᠩᠭᠠᠵᠤ᠂ ᠭᠠᠵᠠᠷ ᠰᠢᠷᠤᠢ ᠶᠢᠨ ᠦᠨ᠎ᠡ ᠬᠠᠩᠰᠢ ᠶᠢ ᠵᠦᠢ ᠵᠣᠬᠢᠰᠲᠠᠢ | ᠲᠣᠭᠲᠠᠭᠠᠨ᠎ᠠ᠃ | 2. ᠠᠵᠤ ᠠᠬᠤᠶᠢᠯᠠᠯ ᠳᠤ ᠬᠤᠯᠪᠣᠭᠳᠠᠬᠤ ᠭᠠᠶᠢᠯᠢ ᠰᠦᠢᠳᠭᠡᠯ ᠢ ᠦᠷᠭᠦᠯᠵᠢᠯᠡᠨ ᠬᠠᠰᠤᠵᠤ ᠬᠦᠩᠭᠡᠯᠡᠨ᠎ᠡ᠃ ᠠᠵᠤ ᠠᠬᠤᠶᠢᠯᠠᠯ ᠤᠨ ᠭᠠᠶᠢᠯᠢ ᠶᠢᠨ | ᠳᠠᠷᠤᠭᠠᠰᠤ ᠶᠢ ᠨᠢ ᠤᠯᠠᠮ ᠨᠢᠭᠡ ᠠᠯᠬᠤᠮ ᠬᠦᠩᠭᠡᠯᠡᠵᠦ᠂ ᠡᠯ᠎ᠡ ᠵᠦᠢᠯ ᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠶᠢ ᠨᠢ ᠠᠬᠢᠭᠤᠯᠤᠨ᠎ᠠ᠃ ᠠᠵᠤ ᠠᠬᠤᠶᠢᠯᠠᠯ ᠳᠤ ᠬᠤᠯᠪᠣᠭᠳᠠᠭᠰᠠᠨ ᠬᠡᠰᠡᠭ ᠰᠠᠭᠤᠷᠢ ᠮᠦᠩᠭᠦ ᠪᠣᠯᠣᠨ ᠵᠠᠰᠠᠭ ᠵᠠᠬᠢᠷᠭᠠᠨ ᠠᠵᠢᠯ ᠦᠢᠯᠡᠰ ᠤᠨ | ᠴᠢᠨᠠᠷᠲᠠᠢ ᠰᠦᠢᠳᠭᠡᠯ ᠤᠨ ᠪᠠᠷᠢᠮᠵᠢᠶ᠎ᠠ ᠶᠢ ᠪᠠᠭᠤᠷᠠᠭᠤᠯᠵᠤ᠂ ᠬᠤᠲᠠ ᠶᠢᠨ ᠳᠦᠬᠦᠷᠵᠢᠭᠦᠯᠦᠭᠰᠡᠨ ᠰᠦᠢᠳᠭᠡᠯ ᠬᠤᠷᠢᠶᠠᠬᠤ ᠪᠠᠷᠢᠮᠵᠢᠶ᠎ᠠ ᠶᠢ ᠳᠠᠬᠢᠵᠤ ᠰᠢᠨ᠎ᠡ ᠪᠠᠷ | ᠲᠣᠭᠲᠠᠭᠠᠨ᠂ ᠦᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠰᠦᠢᠳᠭᠡᠯ ᠬᠤᠷᠢᠶᠠᠬᠤ ᠲᠦᠷᠦᠯ ᠵᠦᠢᠯ ᠳᠤ ᠰᠦᠢᠳᠭᠡᠯ | ᠬᠤᠷᠢᠶᠠᠬᠤ ᠦᠭᠡᠢ ᠬᠠᠷᠠᠯᠲᠠ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠵᠠᠰᠠᠭ ᠤᠨ ᠣᠷᠳᠣᠨ ᠠᠴᠠ ᠦᠢᠯᠡᠴᠢᠯᠡᠭᠡᠨ ᠤ ᠴᠢᠨᠠᠷᠲᠠᠢ ᠰᠦᠢᠳᠭᠡᠯ ᠤᠨ ᠦᠨ᠎ᠡ | ᠬᠠᠩᠰᠢ ᠶᠢ ᠲᠣᠭᠲᠠᠭᠠᠬᠤ ᠲᠦᠷᠦᠯ ᠵᠦᠢᠯ ᠢ ᠠᠯᠬᠤᠮ ᠠᠯᠬᠤᠮ ᠢᠶᠠᠷ ᠪᠠᠭᠠᠰᠬᠠᠵᠤ᠂ ᠠᠵᠤ ᠠᠬᠤᠶᠢᠯᠠᠯ ᠳᠤ ᠬᠤᠯᠪᠣᠭᠳᠠᠬᠤ ᠰᠦᠢᠳᠭᠡᠯ ᠤᠨ ᠨᠠᠷᠢᠨ ᠬᠠᠭᠤᠳᠠᠰᠤ ᠶᠢᠨ | ᠳᠦᠷᠢᠮ ᠢ ᠲᠡᠭᠦᠯᠳᠡᠷᠵᠢᠭᠦᠯᠦᠨ᠂ ᠰᠦᠢᠳᠭᠡᠯ ᠬᠤᠷᠢᠶᠠᠬᠤ ᠠᠵᠢᠯᠯᠠᠭ᠎ᠠ ᠶᠢ ᠵᠢᠷᠤᠮᠵᠢᠭᠤᠯᠤᠨ᠎ᠠ᠃ | 3. ᠬᠦᠮᠦᠨ ᠤ ᠬᠦᠴᠦᠨ ᠤ ᠦᠪᠡᠷ ᠤᠨ ᠥᠷᠲᠡᠭ ᠢ ᠦᠷᠭᠦᠯᠵᠢᠯᠡᠨ ᠪᠠᠭᠤᠷᠠᠭᠤᠯᠤᠨ᠎ᠠ᠃ ᠦᠷᠡᠵᠢᠯ ᠤᠨ ᠳᠠᠭᠠᠳᠬᠠᠯ ᠪᠣᠯᠣᠨ ᠡᠮᠴᠢᠯᠡᠭᠡᠨ ᠤ ᠦᠨᠳᠦᠰᠦᠨ | ᠳᠠᠭᠠᠳᠬᠠᠯ ᠢ ᠨᠡᠶᠢᠯᠡᠭᠦᠯᠦᠨ ᠬᠡᠷᠡᠭᠵᠢᠭᠦᠯᠬᠦ ᠲᠣᠷᠰᠢᠯᠲᠠ ᠶᠢᠨ ᠠᠵᠢᠯ ᠢ ᠢᠳᠡᠪᠬᠢᠲᠡᠢ ᠰᠦᠪᠡᠭᠴᠢᠯᠡᠨ᠎ᠡ᠃ ᠠᠵᠢᠯ ᠠᠴᠠ ᠪᠤᠯᠤᠭᠰᠠᠨ ᠭᠡᠮᠲᠦᠯ ᠤᠨ ᠳᠠᠭᠠᠳᠬᠠᠯ᠂ ᠠᠵᠢᠯ | ᠠᠯᠳᠠᠭᠰᠠᠳ ᠤᠨ ᠳᠠᠭᠠᠳᠬᠠᠯ ᠤᠨ ᠰᠦᠢᠳᠭᠡᠯ ᠨᠤᠷᠮ᠎ᠠ ᠶᠢ ᠦᠷᠭᠦᠯᠵᠢᠯᠡᠨ ᠪᠠᠭᠤᠷᠠᠭᠤᠯᠤᠨ᠎ᠠ᠃ ᠠᠵᠢᠯ ᠠᠯᠳᠠᠭᠰᠠᠳ ᠤᠨ ᠳᠠᠭᠠᠳᠬᠠᠯ ᠢ ᠬᠠᠮᠠᠭᠠᠯᠠᠵᠤ ᠪᠠᠲᠤᠯᠠᠬᠤ | ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠦᠷᠨᠢᠭᠦᠯᠵᠦ᠂ ᠲᠥᠷᠥ ᠶᠢᠨ ᠪᠣᠳᠣᠯᠭ᠎ᠠ ᠶᠢ ᠡᠮᠬᠢ ᠵᠢᠷᠤᠮ ᠲᠠᠢ ᠲᠣᠭᠲᠠᠭᠤᠨ ᠢᠶᠠᠷ ᠨᠠᠶᠢᠳᠠᠪᠤᠷᠢᠵᠢᠭᠤᠯᠬᠤ ᠶᠢ ᠨᠢ ᠦᠨᠡᠨ ᠬᠦ | ᠪᠠᠲᠤᠯᠠᠨ᠎ᠠ᠃ | 4. ᠠᠵᠤ ᠠᠬᠤᠶᠢᠯᠠᠯ ᠤᠨ ᠦᠨ᠎ᠡ ᠬᠠᠩᠰᠢ ᠲᠣᠭᠲᠠᠭᠠᠬᠤ ᠡᠷᠬᠡ ᠤᠨ ᠬᠢᠵᠠᠭᠠᠷ ᠢ ᠥᠷᠭᠡᠳᠭᠡᠨ᠎ᠡ᠃ ᠴᠢᠯᠦᠭᠡᠲᠡᠢ ᠪᠠᠶᠢᠯᠭᠠᠵᠤ ᠳᠡᠶᠢᠯᠬᠦ ᠶᠢ ᠨᠢ ᠴᠢᠳᠠᠬᠤ ᠶᠢᠨ | ᠲᠤᠳᠤᠷ᠎ᠠ ᠴᠢᠯᠦᠭᠡᠲᠡᠢ ᠪᠠᠶᠢᠯᠭᠠᠬᠤ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠦᠨ᠎ᠡ ᠬᠠᠩᠰᠢ ᠲᠣᠭᠲᠠᠭᠠᠬᠤ ᠲᠠᠯ᠎ᠠ ᠪᠠᠷ ᠬᠢ ᠡᠵᠡ ᠮᠡᠳᠡᠬᠦ ᠡᠷᠬᠡ ᠶᠢ ᠨᠢ ᠭᠦᠢᠴᠡᠳ | ᠢᠯᠡᠷᠡᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠨ᠎ᠡ᠃ ︽ᠦᠪᠦᠷ ᠮᠣᠩᠭᠤᠯ ᠤᠨ ᠦᠪᠡᠷᠲᠡᠭᠡᠨ ᠵᠠᠰᠬᠠᠤ ᠣᠷᠣᠨ ᠤ | ᠦᠨ᠎ᠡ ᠬᠠᠩᠰᠢ ᠲᠣᠭᠲᠠᠭᠠᠬᠤ ᠭᠠᠷᠴᠠᠭ︾ ᠲᠤ ᠪᠠᠶᠢᠩᠭᠤ ᠵᠠᠰᠠᠪᠤᠷᠢ ᠣᠷᠤᠭᠤᠯᠵᠤ᠂ ᠵᠠᠰᠠᠭ ᠤᠨ ᠣᠷᠳᠣᠨ ᠤ ᠲᠣᠬᠢᠷᠠᠭᠤᠯᠵᠤ ᠡᠵᠡᠮᠳᠡᠬᠦ ᠡᠭᠦᠷᠭᠡ ᠴᠢᠳᠠᠪᠤᠷᠢ ᠶᠢ ᠨᠡᠩ | ᠰᠠᠶᠢᠨ ᠪᠠᠳᠠᠷᠠᠭᠤᠯᠤᠨ᠎ᠠ᠃ ᠦᠨ᠎ᠡ ᠬᠠᠩᠰᠢ ᠶᠢᠨ ᠢᠯᠡ ᠬᠠᠳᠠᠬᠤ ᠳᠦᠷᠢᠮ ᠢ ᠨᠠᠶᠢᠳᠠᠪᠤᠷᠢᠵᠢᠭᠤᠯᠵᠤ᠂ ᠬᠡᠷᠡᠭᠯᠡᠭᠴᠢᠳ ᠤᠨ ᠬᠠᠤᠯᠢ ᠶᠤᠰᠤᠨ ᠤ ᠡᠷᠬᠡ ᠠᠰᠢᠭ ᠢ | ᠬᠠᠮᠠᠭᠠᠯᠠᠨ᠎ᠠ᠃ | ᠭᠤᠷᠪᠠ᠂ ᠪᠠᠲᠤᠯᠠᠬᠤ ᠠᠷᠭ᠎ᠠ ᠬᠡᠮᠵᠢᠶ᠎ᠡ | ︵ᠨᠢᠭᠡ︶ ᠭᠤᠣᠯ ᠴᠤᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠨᠢ ᠡᠵᠡᠩᠨᠡᠨ | ᠬᠤᠳᠠᠯᠳᠤᠭᠠᠯᠠᠬᠤ ᠣᠷᠴᠢᠨ ᠨᠦᠬᠦᠴᠡᠯ ᠢ ᠪᠦᠬᠦ ᠲᠠᠯ᠎ᠠ ᠪᠠᠷ ᠰᠠᠶᠢᠵᠢᠷᠠᠭᠤᠯᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠵᠠᠰᠠᠭ ᠤᠨ ᠣᠷᠳᠣᠨ ᠠᠴᠠ ᠨᠢᠭᠡᠲᠦᠯᠲᠡᠢ | ᠤᠳᠤᠷᠢᠳᠤᠭᠰᠠᠨ᠂ ᠡᠯ᠎ᠡ ᠰᠠᠯᠠᠭ᠎ᠠ ᠮᠦᠴᠢᠷ ᠨᠢ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠤᠭᠰᠠᠨ ᠠᠵᠢᠯ ᠤᠨ ᠪᠠᠶᠢᠷᠢᠰᠢᠯ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ | ᠭᠤᠣᠯ ᠴᠤᠭᠴᠠ ᠶᠢᠨ ᠦᠵᠡᠯ ᠤᠬᠠᠮᠰᠠᠷ ᠢ ᠦᠨᠡᠨ ᠬᠦ ᠴᠢᠩᠭᠠᠷᠠᠭᠤᠯᠵᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠤᠨ ᠭᠤᠣᠯ ᠬᠠᠷᠢᠭᠤᠴᠠᠯᠭᠠᠲᠠᠨ | ᠨᠦᠬᠦᠳ ᠨᠢ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠰᠠᠶᠢᠵᠢᠷᠠᠭᠤᠯᠬᠤ ᠠᠵᠢᠯ ᠤᠨ ︽ᠨᠢᠭᠡᠳᠦᠭᠡᠷ ᠬᠠᠷᠢᠭᠤᠴᠠᠯᠭ᠎ᠠ ᠲᠠᠢ ᠬᠦᠮᠦᠨ︾ ᠪᠣᠯᠬᠤ ᠡᠭᠦᠷᠭᠡ | ᠬᠠᠷᠢᠭᠤᠴᠠᠯᠭ᠎ᠠ ᠪᠠᠨ ᠰᠠᠶᠢᠲᠤᠷ ᠭᠦᠢᠴᠡᠳᠭᠡᠵᠦ᠂ ᠡᠭᠦᠷᠭᠡ ᠶᠢ ᠨᠠᠶᠢᠳᠠᠪᠤᠷᠢᠵᠢᠭᠤᠯᠤᠨ ᠪᠣᠲᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ | ︵ᠬᠤᠶᠠᠷ︶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃ ᠦᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ | ᠮᠦᠴᠢᠷ ᠨᠢ 8 ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠣᠯᠣᠨ ᠪᠠᠭᠤᠷᠠᠢ ᠭᠤᠭᠴᠤᠭ᠎ᠠ ᠶᠢᠨ ᠲᠤᠭᠤᠷᠢᠨ ᠳᠤ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠪᠣᠯᠣᠨ | ᠡᠭᠦᠷᠭᠡ ᠶᠢᠨ ᠢᠶᠠᠨ ᠶᠤᠰᠤᠭᠠᠷ᠂ 2018 ᠣᠨ ᠳᠤ ᠡᠯ᠎ᠡ ᠵᠦᠢᠯ ᠤᠨ ᠲᠤᠰᠬᠠᠢ ᠠᠵᠢᠯᠯᠠᠭᠠᠨ ᠤ ᠲᠦᠰᠦᠯ ᠢ ᠳᠠᠷᠤᠮᠠᠯᠯᠠᠨ ᠶᠠᠪᠤᠭᠤᠯᠬᠤ ᠶᠢᠨ ᠬᠠᠮᠲᠤ ᠵᠣᠬᠢᠶᠠᠨ | ᠪᠠᠶᠢᠭᠤᠯᠵᠤ ᠬᠡᠷᠡᠭᠵᠢᠭᠦᠯᠬᠦ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠤ ᠣᠷᠣᠨ ᠲᠣᠭᠠᠨ ᠤ ᠠᠯᠪᠠᠨ ᠭᠡᠷ ᠨᠢ ᠮᠠᠨ ᠤ ᠣᠷᠣᠨ ᠤ ᠡᠵᠡᠩᠨᠡᠨ ᠬᠤᠳᠠᠯᠳᠤᠭᠠᠯᠠᠬᠤ | ᠣᠷᠴᠢᠨ ᠨᠦᠬᠦᠴᠡᠯ ᠢ ᠦᠨᠡᠯᠡᠬᠦ ᠭᠦᠢᠴᠡᠳᠭᠡᠯ ᠲᠣᠭᠠᠨ ᠤ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠵᠡᠩᠨᠡᠨ ᠬᠤᠳᠠᠯᠳᠤᠭᠠᠯᠠᠬᠤ ᠣᠷᠴᠢᠨ | ᠨᠦᠬᠦᠴᠡᠯ ᠤᠨ ᠦᠨᠡᠯᠡᠨ ᠵᠢᠱᠢᠬᠦ ᠠᠵᠢᠯ ᠢ ᠦᠷᠨᠢᠭᠦᠯᠬᠦ ᠬᠡᠷᠡᠭᠲᠡᠢ᠃ | ︵ᠭᠤᠷᠪᠠ︶ ᠰᠢᠮᠳᠠᠭᠤᠯᠤᠨ ᠵᠢᠯᠤᠭᠤᠳᠴᠤ ᠪᠠᠶᠢᠴᠠᠭᠠᠬᠤ ᠶᠢ ᠴᠢᠩᠭᠠᠷᠠᠭᠤᠯᠤᠨ᠎ᠠ᠃ ᠡᠯ᠎ᠡ ᠭᠠᠵᠠᠷ ᠣᠷᠣᠨ ᠨᠢ ᠡᠵᠡᠩᠨᠡᠨ ᠬᠤᠳᠠᠯᠳᠤᠭᠠᠯᠠᠬᠤ ᠣᠷᠴᠢᠨ | ᠨᠦᠬᠦᠴᠡᠯ ᠢ ᠰᠠᠶᠢᠵᠢᠷᠠᠭᠤᠯᠬᠤ ᠠᠵᠢᠯ ᠢ ᠭᠤᠣᠯᠳᠠᠯᠭ᠎ᠠ ᠲᠠᠢ ᠰᠢᠮᠳᠠᠭᠤᠯᠤᠨ ᠪᠠᠶᠢᠴᠠᠭᠠᠬᠤ ᠬᠡᠪᠴᠢᠶᠡᠨ ᠳᠤ ᠣᠷᠤᠭᠤᠯᠵᠤ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠣᠨ | ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠭᠠᠷᠭᠠᠭᠰᠠᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠨᠡᠶᠢᠲᠡᠯᠡᠭᠰᠡᠨ | ᠦᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠰᠬᠠᠶᠢᠯᠠᠨ ᠰᠢᠮᠳᠠᠭᠤᠯᠤᠨ ᠪᠠᠶᠢᠴᠠᠭᠠᠵᠤ᠂ ᠭᠤᠣᠯᠳᠠᠯᠭ᠎ᠠ ᠲᠠᠢ ᠣᠷᠣᠨ ᠪᠦᠰᠡ᠂ | ᠭᠤᠣᠯ ᠪᠣᠯᠬᠤ ᠰᠠᠯᠠᠭ᠎ᠠ ᠮᠦᠴᠢᠷ ᠪᠣᠯᠣᠨ ᠦᠢᠯᠡᠴᠢᠯᠡᠭᠡᠨ ᠤ ᠨᠢᠭᠡᠴᠢ ᠳᠤ ᠡᠳᠦᠷ ᠲᠤᠳᠤᠮ ᠤᠨ ᠰᠢᠮᠳᠠᠭᠤᠯᠤᠨ ᠪᠠᠶᠢᠴᠠᠭᠠᠬᠤ ᠠᠵᠢᠯ ᠢ ᠦᠷᠨᠢᠭᠦᠯᠵᠦ᠂ | ᠦᠭᠡᠷᠡᠴᠢᠯᠡᠯᠲᠡ ᠶᠢᠨ ᠡᠭᠦᠷᠭᠡ ᠪᠠᠨ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ | ︵ᠳᠥᠷᠪᠡ︶ ᠤᠬᠠᠭᠤᠯᠤᠨ ᠲᠠᠨᠢᠯᠴᠠᠭᠤᠯᠬᠤ ᠶᠢ ᠴᠢᠩᠭᠠᠳᠬᠠᠨ᠎ᠠ᠃ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠬᠤ᠂ ᠲᠤᠰᠬᠠᠢ ᠮᠡᠷᠭᠡᠵᠢᠯᠲᠡᠨ ᠲᠠᠢ | ᠰᠤᠷᠪᠤᠯᠵᠢᠯᠠᠨ ᠶᠠᠷᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠰᠢᠯᠢᠳᠡᠭᠵᠢᠭᠦᠯᠬᠦ ᠰᠢᠨ᠎ᠡ ᠲᠥᠷᠥ ᠶᠢᠨ | ᠪᠣᠳᠣᠯᠭ᠎ᠠ ᠶᠢ ᠤᠬᠠᠭᠤᠯᠬᠤ ᠪᠠ ᠲᠠᠶᠢᠯᠪᠤᠷᠢᠯᠠᠬᠤ ᠠᠵᠢᠯ ᠢ ᠦᠷᠨᠢᠭᠦᠯᠦᠨ᠂ ᠲᠥᠷᠥ ᠶᠢᠨ ᠪᠣᠳᠣᠯᠭ᠎ᠠ ᠶᠢᠨ ᠲᠣᠬᠠᠢ ᠣᠶᠢᠯᠠᠭᠠᠯᠲᠠ ᠪᠣᠯᠣᠨ ᠬᠡᠷᠡᠭᠯᠡᠭᠡᠨ ᠤ ᠬᠡᠮᠵᠢᠶ᠎ᠡ ᠶᠢ | ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠪᠣᠯᠣᠨ ᠨᠡᠶᠢᠭᠡᠮ ᠤᠨ ᠬᠢᠨ ᠤ ᠰᠠᠨᠠᠯ ᠢᠶᠠᠨ ᠲᠤᠰᠬᠠᠬᠤ ᠵᠠᠮ ᠮᠥᠷ ᠢ ᠨᠢ ᠥᠷᠭᠡᠳᠭᠡᠵᠦ᠂ ᠣᠯᠠᠨ | ᠲᠦᠮᠡᠨ ᠢ ᠭᠦᠨᠵᠡᠭᠡᠢ ᠳᠠᠶᠢᠴᠢᠯᠠᠵᠤ ᠪᠠᠶᠢᠭᠠᠳ ᠦᠷ᠎ᠡ ᠨᠦᠯᠦᠭᠡ ᠶᠢ ᠦᠨᠡᠯᠡᠬᠦ ᠠᠵᠢᠯ ᠳᠤ ᠣᠷᠤᠯᠴᠠᠭᠤᠯᠵᠤ᠂ ᠬᠠᠮᠲᠤ ᠪᠠᠷ ᠠᠷᠭ᠎ᠠ ᠰᠦᠪᠡᠭᠴᠢᠯᠡᠵᠦ ᠬᠠᠮᠲᠤ ᠪᠠᠷ | ᠪᠠᠶᠢᠭᠤᠯᠵᠤ᠂ ᠬᠠᠮᠲᠤ ᠪᠠᠷ ᠬᠠᠮᠢᠶᠠᠷᠴᠤ ᠬᠠᠮᠲᠤ ᠳᠤ ᠪᠠᠨ ᠬᠦᠷᠲᠡᠵᠦ᠂ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠨᠡᠶᠢᠭᠡᠮ ᠳᠠᠶᠠᠭᠠᠷ ᠬᠠᠮᠲᠤ ᠪᠠᠷ | ᠰᠢᠯᠢᠳᠡᠭᠵᠢᠭᠦᠯᠬᠦ ᠭᠦᠨ ᠵᠤᠵᠠᠭᠠᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ᠃ | ᠳᠠᠭᠠᠯᠳᠤᠭᠤᠯᠤᠯ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠰᠢᠯᠢᠳᠡᠭᠵᠢᠭᠦᠯᠬᠦ | ᠡᠭᠦᠷᠭᠡ ᠳᠠᠬᠢ ᠠᠵᠢᠯ ᠤᠨ ᠬᠤᠪᠢᠶᠠᠷᠢᠯᠠᠯ ᠤᠨ ᠬᠦᠰᠦᠨᠦᠭᠲᠦ | 365赢多少钱会被限额_国内有真正的365平台吗_365bet博彩官网 | | ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ | ᠨᠦᠬᠦᠴᠡᠯ ᠢ ᠰᠢᠯᠢᠳᠡᠭᠵᠢᠭᠦᠯᠬᠦ ᠡᠭᠦᠷᠭᠡ ᠳᠠᠬᠢ ᠠᠵᠢᠯ ᠤᠨ ᠬᠤᠪᠢᠶᠠᠷᠢᠯᠠᠯ ᠤᠨ ᠬᠦᠰᠦᠨᠦᠭᠲᠦ | | ᠳᠠᠭᠠᠯᠳᠤᠭᠤᠯᠤᠯ ᠬᠦᠰᠦᠨᠦᠭᠲᠦ | | | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |