ᠦᠪᠦᠷ ᠵᠠᠰᠠᠭ ᠲᠠᠷᠬᠠᠭᠠᠭᠰᠠᠨ ﹇2018﹈ 31 ᠳ᠋ᠤᠭᠡᠷ ᠲᠣᠭᠠᠲᠤ | 2018 ᠤᠨ ᠤ 8 ᠳ᠋ᠤᠭᠠᠷ ᠰᠠᠷ᠎ᠠ ᠶᠢᠨ 15 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠬᠡᠴᠢ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠠᠸᠠᠷ ᠤᠨ ᠶᠠᠰᠤ ᠴᠢᠨᠠᠷ ᠤᠨ ᠠᠮᠤᠷ | ᠲᠦᠪᠰᠢᠨ ᠤ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠬᠦᠯᠬᠦ ᠪᠠ ᠲᠦᠷᠭᠡᠨ ᠳᠤᠰᠬᠠᠬᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ | ᠬᠡᠷᠡᠭᠯᠡᠭᠴᠢᠳ ᠤᠨ ᠡᠷᠬᠡ ᠠᠰᠢᠭ ᠢ ᠦᠨᠡᠨ ᠭᠦ ᠬᠠᠮᠠᠭᠠᠯᠠᠬᠤ ᠶᠢᠨ ᠬᠡᠷᠡᠭᠵᠢᠭᠦᠯᠬᠦ ᠲᠥᠰᠦᠯ︾ ᠢ ᠡᠳᠦᠬᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠣᠳᠠᠲᠠᠶ ᠲᠠᠢ ᠪᠠᠨ ᠤᠶᠠᠯᠳᠤᠭᠤᠯᠵᠤ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠴᠠ ᠣᠷᠣᠭᠤᠯᠬᠤ | ᠭᠠᠳᠠᠭᠠᠳᠤ ᠳᠤ ᠭᠠᠷᠭᠠᠬᠤ ᠲᠠᠸᠠᠷ ᠤᠨ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ | ᠤᠷᠢᠳᠴᠢᠯᠡᠨ ᠰᠡᠷᠡᠮᠵᠢᠯᠡᠬᠦᠯᠬᠦ ᠪᠠ ᠲᠦᠷᠭᠡᠨ ᠳᠤᠰᠬᠠᠯ ᠭᠠᠷᠭᠠᠬᠤ ᠬᠢᠨᠠᠯᠲᠠ ᠬᠠᠮᠢᠶᠠᠷᠤᠯᠲᠠ ᠶᠢᠨ | ᠰᠢᠰᠲ᠋ᠧᠮᠵᠢ ᠶᠢ ᠲᠡᠭᠦᠯᠳᠡᠷᠵᠢᠭᠦᠯᠵᠦ ᠬᠡᠷᠡᠭᠯᠡᠭᠴᠢᠳ ᠤᠨ ᠡᠷᠬᠡ ᠠᠰᠢᠭ ᠢ ᠦᠨᠡᠨ ᠭᠦ365赢多少钱会被限额_国内有真正的365平台吗_365bet博彩官网 | ᠬᠠᠮᠠᠭᠠᠯᠠᠬᠤ ᠶᠢᠨ ᠬᠡᠷᠡᠭᠵᠢᠭᠦᠯᠬᠦ ᠲᠥᠰᠦᠯ | | | | ︽ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠠᠸᠠᠷ ᠤᠨ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠤᠷᠢᠳᠴᠢᠯᠡᠨ | ᠰᠡᠷᠡᠮᠵᠢᠯᠡᠬᠦᠯᠬᠦ ᠪᠠ ᠲᠦᠷᠭᠡᠨ ᠳᠤᠰᠬᠠᠬᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ ᠬᠡᠷᠡᠭᠯᠡᠭᠴᠢᠳ ᠤᠨ ᠡᠷᠬᠡ ᠠᠰᠢᠭ ᠢ ᠦᠨᠡᠨ ᠭᠦ | ᠬᠠᠮᠠᠭᠠᠯᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠷᠥ ᠲᠠᠷᠬᠠᠭᠠᠭᠰᠠᠨ ﹇2017﹈ 43 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠲᠠᠸᠠᠷ ᠤᠨ ᠶᠠᠰᠤ ᠴᠢᠨᠠᠷ ᠤᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢᠨ ᠦᠬᠡᠷᠡᠴᠢᠯᠡᠯᠳᠡ ᠶᠢ ᠤᠯᠠᠮ ᠨᠢᠭᠡ ᠠᠯᠬᠤᠮ ᠭᠦᠨᠵᠡᠬᠡᠶᠢᠷᠡᠬᠦᠯᠦᠨ᠂ ᠮᠠᠨ ᠤ ᠣᠷᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠬᠤ ᠲᠠᠸᠠᠷ ᠤᠨ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠤᠷᠢᠳᠴᠢᠯᠡᠨ ᠰᠡᠷᠡᠮᠵᠢᠯᠡᠬᠦᠯᠬᠦ ᠪᠠ ᠲᠦᠷᠭᠡᠨ ᠳᠤᠰᠬᠠᠬᠤ ᠬᠢᠨᠠᠯᠲᠠ ᠬᠠᠮᠢᠶᠠᠷᠤᠯᠲᠠ ᠶᠢᠨ | ᠰᠢᠰᠲ᠋ᠧᠮᠵᠢ ᠶᠢ ᠪᠦᠷᠢᠨᠰᠢᠬᠦᠯᠦᠨ ᠲᠡᠭᠦᠯᠳᠡᠷᠵᠢᠬᠦᠯᠵᠦ᠂ ᠬᠡᠷᠡᠭᠯᠡᠭᠴᠢᠳ ᠤᠨ ᠡᠷᠬᠡ ᠠᠰᠢᠭ ᠢ ᠦᠨᠡᠨ ᠬᠦ ᠬᠠᠮᠠᠭᠠᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ | ᠪᠣᠳᠠᠲᠠᠶ ᠲᠠᠢ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠦ᠂ ᠲᠦᠭᠰᠢᠭᠦᠷᠢ ᠶᠢᠨ ᠬᠠᠮᠢᠶᠠᠷᠤᠯᠳᠠ ᠪᠠᠷ | ᠭᠤᠣᠯ ᠱᠤᠭᠤᠮ ᠪᠤᠯᠭᠠᠨ᠂ ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠦᠳᠦᠬᠡᠨ ᠪᠠᠶᠢᠭᠤᠯᠤᠯᠳᠠ ᠪᠠᠷ ᠬᠠᠷᠠᠯᠲᠠ ᠪᠣᠯᠭᠠᠵᠤ᠂ ᠤᠯᠤᠰ ᠤᠨ ᠡᠭᠦᠳᠡᠨ ᠤ | ᠠᠮᠤᠷ ᠲᠦᠪᠰᠢᠨ ᠢ ᠪᠠᠲᠤᠯᠠᠬᠤ ᠪᠠ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠬᠤ ᠪᠠᠷ ᠭᠤᠤᠯ ᠪᠤᠯᠭᠠᠨ᠂ ᠪᠥᠬᠦ ᠣᠷᠣᠨ ᠤ ᠶᠠᠰᠤ ᠴᠢᠨᠠᠷ ᠤᠨ ᠠᠮᠤᠷ ᠲᠦᠪᠰᠢᠨ ᠤ | ᠵᠠᠰᠠᠯᠲᠠ ᠶᠢᠨ ᠰᠢᠰᠲ᠋ᠧᠮᠵᠢ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠦᠷᠭᠦᠯᠵᠢᠯᠡᠨ ᠠᠬᠢᠭᠤᠯᠤᠨ᠎ᠠ᠃ | ︵ᠬᠤᠶᠠᠷ︶ ᠦᠨᠳᠦᠰᠦᠨ ᠵᠠᠷᠴᠢᠮ | ᠶᠠᠰᠤ ᠴᠢᠨᠠᠷ ᠤᠨ ᠠᠮᠤᠷ ᠲᠦᠪᠰᠢᠨ ᠢᠶᠠᠷ ᠦᠨᠳᠦᠰᠦ ᠪᠣᠯᠭᠠᠨ᠎ᠠ᠃ ᠠᠷᠠᠳ ᠲᠦᠮᠡᠨ ᠤ ᠠᠮᠢ ᠪᠡᠶ᠎ᠡ ᠶᠢᠨ ᠠᠰᠢᠭ ᠲᠤᠰᠠ ᠶᠢ ᠲᠡᠷᠢᠭᠦᠨ ᠪᠠᠶᠢᠷᠢᠨ ᠳᠤ ᠲᠠᠯᠪᠢᠵᠤ᠂ | ᠶᠠᠰᠤ ᠴᠢᠨᠠᠷ ᠤᠨ ᠠᠮᠤᠷ ᠲᠦᠪᠰᠢᠨ ᠤ ᠰᠢᠰᠲ᠋ᠧᠮ ᠤᠨ ᠴᠢᠨᠠᠷᠳᠠᠢ᠂ ᠤᠷᠤᠨ ᠪᠦᠰᠡ ᠶᠢᠨ ᠴᠢᠨᠠᠷᠳᠠᠢ᠂ ᠠᠵᠢᠯ ᠲᠥᠷᠥᠯ ᠤᠨ ᠴᠢᠨᠠᠷᠲᠠᠶ ᠲᠦᠭᠰᠢᠭᠦᠷᠢ ᠦᠯᠦ ᠡᠭᠦᠰᠬᠦ | ᠰᠠᠭᠤᠷᠢ ᠱᠤᠭᠤᠮ ᠢ ᠪᠠᠲᠤ ᠰᠠᠬᠢᠨ᠎ᠠ᠃ | ᠲᠦᠭᠰᠢᠭᠦᠷᠢ ᠶᠢᠨ ᠬᠠᠮᠢᠶᠠᠷᠤᠯᠳᠠ ᠪᠠᠷ ᠭᠤᠤᠯ ᠪᠤᠯᠭᠠᠨ᠎ᠠ᠃ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠤᠷᠢᠳᠴᠢᠯᠡᠨ ᠰᠡᠷᠬᠡᠶᠢᠯᠡᠬᠦ ᠠᠵᠢᠯ ᠢ | ᠢᠮᠠᠭᠲᠠ ᠴᠢᠬᠤᠯᠠ ᠪᠠᠶᠢᠷᠢᠨ ᠳᠤ ᠲᠠᠯᠪᠢᠵᠤ᠂ ᠲᠦᠭᠰᠢᠭᠦᠷᠢ ᠶᠢ ᠬᠢᠨᠠᠨ ᠰᠢᠨᠵᠢᠬᠦ᠂ ᠤᠷᠢᠳᠴᠢᠯᠡᠨ ᠰᠡᠷᠡᠮᠵᠢᠯᠡᠭᠦᠯᠬᠦ ᠪᠠ ᠭᠦᠮᠦᠵᠢᠬᠦᠯᠵᠦ ᠬᠥᠲᠥᠯᠥᠨ ᠵᠢᠯᠣᠭᠤᠳᠬᠤ | ᠵᠡᠷᠭᠡ ᠠᠷᠭ᠎ᠠ ᠬᠡᠮᠵᠢᠶ᠎ᠡ ᠶᠢ ᠢᠳᠡᠪᠬᠢᠳᠡᠢ ᠬᠡᠷᠡᠭᠵᠢᠬᠦᠯᠵᠦ᠂ ᠠᠭᠢᠨ ᠳᠠᠪᠰᠢᠬᠤ ᠮᠠᠶ᠋ᠢᠭ ᠂ ᠪᠣᠰᠤᠭ᠎ᠠ ᠴᠣᠭᠴᠠᠲᠤ ᠮᠠᠶ᠋ᠢᠭ ᠤᠨ ᠤᠷᠢᠳᠴᠢᠯᠠᠨ ᠰᠡᠷᠭᠡᠶᠢᠯᠡᠬᠦ ᠰᠢᠰᠲ᠋ᠧᠮᠵᠢ ᠶᠢ | ᠴᠤᠨᠨᠴᠠᠯᠠᠨ ᠪᠠᠶᠢᠭᠤᠯᠤᠨ᠎ᠠ᠃ | ᠮᠡᠳᠡᠭᠡ ᠵᠠᠩᠭᠢ ᠶᠢᠨ ᠮᠡᠷᠭᠡᠵᠢᠯ ᠢᠶᠠᠷ ᠪᠠᠳᠤᠯᠠᠭ᠎ᠠ ᠪᠤᠯᠭᠠᠨ᠎ᠠ᠃ ᠲᠦᠭᠰᠢᠭᠦᠷᠢ ᠶᠢᠨ ᠬᠠᠮᠢᠶᠠᠷᠤᠯᠳᠠ ᠶᠢᠨ ᠲᠣᠮᠣ ᠳ᠋ᠠᠶᠢᠲ᠋ᠠ ᠶᠢᠨ ᠲᠠᠪᠴᠠᠩ ᠳᠤ ᠲᠦᠰᠢᠭᠯᠡᠵᠦ᠂ ︽ | ᠢᠨᠲ᠋ᠧᠷ ᠰᠦᠯᠵᠢᠶ᠎ᠡ + ᠬᠢᠨᠠᠯᠳᠠ ᠬᠠᠮᠢᠶᠠᠷᠤᠯᠲᠠ︾ ᠶᠢ ᠠᠬᠢᠭᠤᠯᠤᠨ᠂ ᠬᠠᠮᠢᠶᠠᠷᠤᠯᠲᠠ ᠶᠢᠨ ᠠᠷᠭ᠎ᠠ ᠠᠪᠴᠢᠯ᠂ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢ ᠮᠡᠳᠡᠭᠡ | ᠵᠠᠩᠬᠢᠵᠢᠭᠤᠯᠬᠤ ᠪᠠ ᠤᠶᠤᠨᠵᠢᠭᠤᠯᠬᠤ ᠶᠢ ᠪᠡᠶᠡᠯᠡᠬᠦᠯᠵᠦ᠂ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠲᠠᠸᠠᠷ ᠤᠨ ᠶᠠᠰᠤ ᠴᠢᠨᠠᠷ ᠤᠨ ᠠᠮᠤᠷ | ᠲᠦᠪᠰᠢᠨ ᠤ ᠲᠦᠭᠰᠢᠭᠦᠷᠢ ᠶᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠨ᠎ᠠ᠃ | ᠨᠡᠶᠢᠭᠡᠮ ᠲᠠᠶᠠᠭᠠᠷ ᠬᠠᠮᠳᠤ ᠳᠤ ᠪᠠᠨ ᠵᠠᠰᠠᠬᠤ ᠪᠠᠷ ᠠᠷᠭ᠎ᠠ ᠠᠪᠴᠢᠯ ᠪᠤᠯᠭᠠᠨ᠎ᠠ᠃ ᠮᠡᠳᠡᠭᠡ ᠵᠠᠩᠭᠢ ᠶᠢ ᠬᠠᠷᠢᠯᠴᠠᠨ ᠰᠤᠯᠢᠯᠴᠠᠬᠤ᠂ ᠬᠢᠨᠠᠯᠲᠠ ᠬᠠᠮᠢᠶᠠᠷᠤᠯᠲᠠ ᠪᠠᠨ | ᠬᠠᠷᠢᠯᠴᠠᠨ ᠮᠡᠳᠡᠷᠡᠬᠦ᠂ ᠬᠠᠤᠯᠢ ᠬᠡᠷᠡᠭᠵᠢᠭᠦᠯᠦᠯᠲᠡ ᠳᠤ ᠬᠠᠷᠢᠯᠴᠠᠨ ᠬᠠᠪᠰᠤᠷᠤᠯᠴᠠᠬᠤ ᠶᠢ ᠭᠦᠨᠵᠡᠬᠡᠢ ᠠᠬᠢᠭᠤᠯᠵᠦ᠂ ᠬᠠᠤᠯᠢ ᠬᠡᠷᠡᠭᠵᠢᠬᠦᠯᠦᠯᠳᠡ ᠳᠤ ᠰᠠᠯᠠᠭ᠎ᠠ | ᠮᠥᠴᠢᠷ ᠤᠳ ᠬᠤᠭᠤᠷᠤᠨᠳᠤ ᠪᠠᠨ ᠬᠠᠮᠵᠢᠯᠴᠠᠨ ᠠᠵᠢᠯᠯᠠᠬᠤ ᠲᠣᠭᠲᠠᠴᠠ ᠪᠠᠨ ᠲᠡᠭᠦᠯᠳᠡᠷᠵᠢᠭᠦᠯᠵᠦ᠂ ᠨᠡᠶᠢᠭᠡᠮ ᠤᠨ ᠬᠦᠴᠦᠨ ᠢ ᠵᠤᠷᠢᠨᠨᠵᠢᠭᠤᠯᠵᠦ ᠪᠠᠶᠢᠭᠠᠳ | ᠥᠷᠭᠡᠨ ᠢᠶᠠᠷ ᠤᠷᠤᠯᠴᠠᠭᠤᠯᠤᠨ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠨᠡᠶᠢᠭᠡᠮ ᠲᠠᠶᠠᠭᠠᠷ ᠬᠠᠮᠳᠤ ᠳᠤ ᠪᠠᠨ | ᠵᠠᠰᠠᠬᠤ ᠪᠠ ᠬᠠᠮᠳᠤ ᠳᠤ ᠪᠠᠨ ᠭᠦᠷᠳᠡᠬᠦ ᠬᠥᠭᠵᠢᠯᠲᠡ ᠶᠢ ᠪᠡᠶᠡᠯᠡᠬᠦᠯᠦᠨ᠎ᠠ᠃ | ︵ᠭᠤᠷᠪᠠ︶ ᠠᠵᠢᠯ ᠤᠨ ᠬᠠᠷᠠᠯᠲᠠ | ︽13·5︾ ᠶᠢᠨ ᠲᠦᠯᠦᠪᠵᠢᠬᠦᠯᠬᠡ ᠶᠢᠨ ᠬᠤᠭᠤᠴᠠᠭᠠᠨ ᠳᠤ ᠭᠦᠴᠦᠯᠡᠨ ᠴᠢᠷᠮᠠᠶᠢᠵᠦ ᠪᠠᠶᠢᠭᠠᠳ᠂ ᠲᠦᠭᠰᠢᠭᠦᠷᠢ ᠶᠢᠨ ᠮᠡᠳᠡᠭᠡ ᠵᠠᠩᠭᠢ ᠶᠢ ᠰᠤᠯᠢᠯᠴᠠᠵᠦ | ᠬᠠᠮᠲᠤ ᠳᠤ ᠪᠠᠨ ᠭᠦᠷᠳᠡᠬᠦ ᠠᠷᠭ᠎ᠠ ᠵᠠᠮ ᠢ ᠰᠢᠯᠤᠭᠤᠳᠬᠠᠵᠦ᠂ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠳᠠ ᠬᠠᠮᠢᠶᠠᠷᠤᠯᠳᠠ ᠶᠢᠨ ᠲᠦᠷᠢᠮ ᠢ ᠪᠠᠶᠢᠭᠤᠯᠤᠨ᠂ | ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠲᠠᠸᠠᠷ ᠤᠨ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ | ᠬᠢᠨᠠᠯᠳᠠ ᠬᠠᠮᠢᠶᠠᠷᠤᠯᠳᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠶᠢᠳᠪᠦᠷᠢᠳᠦ ᠪᠤᠳᠤᠯᠭ᠎ᠠ ᠶᠢ ᠰᠢᠨᠵᠢᠯᠡᠬᠦ ᠤᠬᠠᠭᠠᠨᠴᠢ ᠪᠠᠷ | ᠵᠢᠯᠤᠭᠤᠳᠤᠨ᠂ ᠬᠡᠷᠡᠭᠯᠡᠭᠴᠢᠳ ᠤᠨ ᠡᠷᠬᠡ ᠠᠰᠢᠭ ᠪᠣᠯᠤᠨ ᠤᠯᠤᠰ ᠤᠨ ᠡᠭᠦᠳᠡᠨ ᠤ ᠠᠮᠤᠷ ᠲᠦᠪᠰᠢᠨ ᠢ ᠦᠨᠡᠨ ᠬᠦ ᠬᠠᠮᠠᠭᠠᠯᠠᠨ᠎ᠠ᠃ | ᠬᠤᠶᠠᠷ᠂ ᠠᠵᠢᠯ ᠤᠨ ᠠᠷᠭ᠎ᠠ ᠬᠡᠮᠵᠢᠶ᠎ᠡ | ︵ᠨᠢᠭᠡ︶ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢᠨ ᠬᠢᠨᠠᠨ ᠰᠢᠨᠵᠢᠯᠳᠠ ᠶᠢ ᠪᠦᠭᠦ ᠲᠠᠯ᠎ᠠ ᠪᠠᠷ ᠴᠢᠩᠭᠠᠳᠬᠠᠨ᠎ᠠ | 1. ᠲᠦᠭᠰᠢᠭᠦᠷᠢ ᠶᠢ ᠬᠢᠨᠠᠨ ᠰᠢᠨᠵᠢᠬᠦ ᠲᠥᠯᠥᠪᠯᠡᠭᠡ ᠶᠢ ᠬᠡᠷᠡᠭᠵᠢᠬᠦᠯᠦᠨ᠎ᠠ᠃ ᠪᠥᠬᠦ ᠣᠷᠣᠨ ᠤ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ | ᠲᠠᠸᠠᠷ ᠤᠨ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠳᠤ ᠨᠢᠭᠡᠳᠦᠯᠲᠡᠶ ᠬᠢᠨᠠᠨ ᠰᠢᠨᠵᠢᠯᠳᠡ ᠦᠷᠨᠢᠬᠦᠯᠵᠦ᠂ ᠡᠷᠡᠭᠦᠯ ᠴᠢᠬᠢᠷᠠᠭ ᠲᠤ ᠤᠴᠠᠷᠠᠭᠤᠯᠬᠤ ᠬᠤᠤᠷ | ᠬᠥᠨᠥᠭᠡᠯ᠂ ᠹᠢᠽᠢᠺ ᠤᠨ ᠬᠤᠣᠷ ᠬᠥᠨᠥᠭᠡᠯ᠂ ᠬᠢᠮᠢ ᠶᠢᠨ ᠬᠤᠣᠷ ᠬᠥᠨᠥᠭᠡᠯ᠂ ᠠᠮᠢᠳᠤ ᠪᠣᠳᠠᠰ ᠤᠨ ᠬᠤᠣᠷ ᠬᠥᠨᠥᠭᠡᠯ᠂ ᠣᠷᠴᠢᠨ ᠲᠣᠭᠤᠷᠢᠨ ᠤ ᠬᠤᠣᠷ ᠬᠥᠨᠥᠭᠡᠯ ᠵᠡᠷᠭᠡ | ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠰᠢᠰᠲ᠋ᠧᠮ ᠲᠠᠢ ᠪᠠᠷ ᠦᠷᠭᠦᠯᠵᠢᠯᠡᠨ ᠬᠢᠨᠠᠨ ᠰᠢᠨᠵᠢᠨ᠎ᠠ᠃ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢᠨ | ᠬᠢᠨᠠᠨ ᠰᠢᠨᠵᠢᠯᠳᠡ ᠶᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠶᠢᠨ ᠬᠤᠯᠪᠣᠭᠳᠠᠯ ᠪᠥᠬᠦᠶ | ᠱᠠᠭᠠᠷᠳᠠᠯᠭ᠎ᠠ ᠶᠣᠰᠣᠭᠠᠷ ᠬᠡᠷᠡᠭᠵᠢᠬᠦᠯᠦᠨ᠎ᠠ᠃ | 2. ᠲᠦᠭᠰᠢᠭᠦᠷᠢ ᠶᠢᠨ ᠮᠡᠳᠡᠭᠡ ᠵᠠᠩᠭᠢ ᠴᠤᠭᠯᠠᠭᠤᠯᠬᠤ ᠠᠷᠭ᠎ᠠ ᠵᠠᠮ ᠢ ᠦᠷᠬᠡᠳᠬᠡᠨ᠎ᠠ᠃ ᠬᠡᠷᠡᠭᠯᠡᠭᠴᠢᠳ ᠤᠨ ᠵᠠᠭᠠᠯᠳᠤᠯᠭ᠎ᠠ ᠪᠠ ᠠᠵᠤ ᠠᠬᠤᠶᠢᠯᠠᠯ ᠤᠨ | ᠮᠡᠳᠡᠬᠦᠯᠦᠯᠳᠡ ᠬᠢᠬᠦ ᠠᠷᠭ᠎ᠠ ᠵᠠᠮ ᠢ ᠲᠡᠭᠦᠯᠳᠡᠷᠵᠢᠭᠦᠯᠵᠦ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠬᠦ ᠪᠠᠶᠢᠭᠤᠯᠤᠮᠵᠢ ᠶᠢᠨ ᠲᠦᠭᠰᠢᠭᠦᠷᠢ ᠶᠢᠨ ᠮᠡᠳᠡᠭᠡ | ᠵᠠᠩᠭᠢ ᠶᠢᠨ ᠮᠡᠳᠡᠬᠦᠯᠦᠯᠳᠡ ᠶᠢᠨ ᠲᠦᠷᠢᠮ ᠢ ᠬᠡᠷᠡᠭᠵᠢᠭᠦᠯᠦᠨ᠎ᠡ᠃ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠮᠡᠳᠡᠭᠡ ᠵᠠᠩᠭᠢ ᠶᠢ ᠬᠢᠨᠠᠨ ᠰᠢᠨᠵᠢᠵᠦ ᠴᠤᠭᠯᠠᠭᠤᠯᠬᠤ ᠶᠢ | ᠦᠷᠭᠦᠯᠵᠢᠯᠡᠨ ᠥᠷᠨᠢᠭᠦᠯᠵᠦ᠂ ᠶᠠᠰᠤ ᠴᠢᠨᠠᠷ ᠤᠨ ᠠᠮᠤᠷ ᠲᠦᠪᠰᠢᠨ ᠤ ᠭᠡᠮᠲᠦᠯ ᠤᠨ ᠮᠡᠳᠡᠭᠡ ᠵᠠᠩᠬᠢ ᠪᠠ ᠢᠳᠡᠭᠡᠨ ᠠᠴᠠ ᠢᠷᠡᠯᠳᠡ ᠲᠠᠢ ᠡᠪᠡᠳᠴᠢᠨ ᠤ ᠮᠡᠳᠡᠭᠡ | ᠵᠠᠩᠭᠢ ᠶᠢ ᠬᠤᠷᠢᠶᠠᠨ ᠴᠤᠨᠨᠯᠠᠭᠤᠯᠵᠦ ᠪᠠᠶᠢᠴᠠᠭᠠᠬᠤ ᠲᠦᠷᠢᠮ ᠢ ᠨᠠᠶᠢᠳᠠᠪᠤᠷᠢᠵᠢᠭᠤᠯᠤᠨ᠎ᠠ᠃ ᠳᠣᠲᠣᠭᠠᠳᠤ ᠭᠠᠳᠠᠭᠠᠳᠤ ᠠᠷᠠᠯᠵᠢᠶ᠎ᠠ ᠶᠢ ᠤᠶᠠᠯᠳᠤᠭᠤᠯᠤᠨᠨᠰᠠᠨ ᠲᠠᠸᠠᠷ ᠤᠨ | ᠵᠠᠬ᠎ᠠ ᠳᠡᠯᠭᠡᠭᠦᠷ᠂ ᠡᠯᠧᠺᠲᠷᠣᠨ ᠬᠤᠳᠠᠯᠳᠤᠭ᠎ᠠ᠂ ᠬᠢᠯᠢ ᠶᠢᠨ ᠠᠷᠠᠯᠵᠢᠶ᠎ᠠ ᠵᠡᠷᠭᠡ ᠭᠤᠣᠯᠳᠠᠯᠭ᠎ᠠ ᠲᠠᠢ ᠭᠦᠷᠢᠶᠡᠨ ᠳᠠᠬᠢ ᠬᠠᠭᠤᠷᠮᠠᠭ ᠮᠠᠭᠤ ᠲᠠᠸᠠᠷ ᠤᠨ ᠮᠡᠳᠡᠭᠡ ᠵᠠᠩᠭᠢ ᠶᠢ | ᠴᠤᠭᠯᠠᠭᠤᠯᠬᠤ ᠠᠵᠢᠯ ᠢ ᠴᠢᠩᠭᠠᠳᠬᠠᠨ᠎ᠠ᠃ ᠳᠤᠮᠳᠠᠳᠤ ᠣᠷᠣᠰ᠂ ᠳᠤᠮᠳᠠᠳᠤ ᠮᠣᠩᠭᠤᠯ ᠵᠡᠷᠭᠡ ᠤᠯᠠᠨ ᠤᠯᠤᠰ ᠤᠨ ᠬᠠᠮᠲᠤᠷᠠᠯᠴᠠᠭ᠎ᠠ ᠰᠣᠯᠢᠯᠴᠠᠭ᠎ᠠ ᠶᠢ ᠴᠢᠩᠭᠠᠳᠬᠠᠵᠦ᠂ | ᠬᠤᠶᠠᠷ ᠲᠠᠯ᠎ᠠ ᠶᠢᠨ ᠪᠠ ᠤᠯᠠᠨ ᠲᠠᠯ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠮᠡᠳᠡᠭᠡ ᠵᠠᠩᠭᠢ ᠶᠢ ᠮᠡᠳᠡᠬᠡᠯᠡᠨ ᠨᠡᠪᠳᠡᠷᠡᠬᠦᠯᠬᠦ᠂ ᠪᠠᠶᠢᠴᠠᠭᠠᠵᠦ ᠬᠠᠮᠳᠤᠷᠠᠯᠴᠠᠬᠤ ᠶᠢ | ᠦᠷᠨᠢᠬᠦᠯᠦᠨ᠎ᠠ᠃ | 3. ᠲᠦᠭᠰᠢᠭᠦᠷᠢ ᠶᠢ ᠬᠢᠨᠠᠨ ᠰᠢᠨᠵᠢᠬᠦ ᠰᠠᠭᠤᠷᠢ ᠪᠠᠲᠤᠯᠠᠭ᠎ᠠ ᠶᠢ ᠲᠡᠭᠦᠯᠳᠡᠷᠵᠢᠬᠦᠯᠦᠨ᠎ᠠ᠃ ᠮᠠᠨ ᠤ ᠣᠷᠣᠨ ᠤ ᠭᠤᠣᠯ ᠪᠣᠯᠬᠤ ᠠᠷᠠᠯᠵᠢᠶᠠᠨ ᠤ ᠤᠯᠤᠰ ᠪᠠ ᠭᠠᠵᠠᠷ | ᠣᠷᠣᠨ ᠳᠤ ᠬᠠᠨᠳᠤᠭᠤᠯᠵᠦ᠂ ᠭᠤᠣᠯᠳᠠᠯᠭ᠎ᠠ ᠲᠠᠢ ᠪᠣᠭᠤᠮᠲᠠ ᠶᠢᠨ ᠣᠷᠣᠨ ᠪᠠᠶᠢᠷᠢ ᠶᠢᠨ ᠳᠠᠪᠠᠭᠤᠯᠢᠭ ᠢ ᠨᠢᠭᠡᠳᠦᠯᠲᠡᠶ ᠲᠥᠯᠥᠪᠯᠡᠵᠦ᠂ ᠮᠠᠨ ᠤ ᠣᠷᠣᠨ ᠤ | ᠭᠤᠣᠯᠳᠠᠯᠭ᠎ᠠ ᠲᠠᠢ ᠠᠵᠤ ᠦᠢᠯᠡᠰ᠂ ᠭᠤᠣᠯᠳᠠᠯᠭ᠎ᠠ ᠲᠠᠢ ᠲᠠᠸᠠᠷ ᠪᠤᠯᠤᠨ ᠰᠢᠨ᠎ᠡ ᠪᠠᠷ ᠪᠤᠢ ᠪᠤᠯᠤᠨᠨᠰᠠᠨ ᠡᠵᠡᠩᠨᠡᠯᠲᠡ ᠶᠢᠨ ᠪᠠᠶᠢᠳᠠᠯ ᠢ ᠲᠤᠪᠤᠶᠢᠯᠭᠠᠨ᠂ ᠶᠠᠰᠤ ᠴᠢᠨᠠᠷ ᠤᠨ | ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠰᠢᠨᠵᠢᠬᠦ ᠴᠡᠭ ᠤᠳ ᠢ ᠲᠦᠯᠦᠪᠵᠢᠬᠦᠯᠵᠦ ᠪᠠᠶᠢᠷᠢᠰᠢᠭᠤᠯᠤᠨ᠎ᠠ᠃ | 4. ᠲᠦᠭᠰᠢᠭᠦᠷᠢ ᠶᠢᠨ ᠮᠡᠳᠡᠭᠡ ᠵᠠᠩᠭᠢ ᠶᠢ ᠬᠠᠮᠳᠤ ᠳᠤ ᠪᠠᠨ ᠭᠥᠷᠳᠡᠵᠦ ᠰᠣᠯᠢᠯᠴᠠᠬᠤ ᠲᠣᠭᠲᠠᠴᠠ ᠶᠢ ᠪᠠᠶᠢᠭᠤᠯᠤᠨ᠎ᠠ᠃ ᠤᠯᠠᠨ ᠤᠯᠤᠰ ᠤᠨ ᠠᠷᠠᠯᠵᠢᠶᠠᠨ ᠤ ︽ | ᠭᠠᠭᠴᠠ ᠴᠤᠩᠬᠤᠪᠴᠢ︾ ᠶᠢᠨ ᠦᠢᠯᠡᠳᠦᠯ ᠢ ᠪᠠᠳᠠᠷᠠᠭᠤᠯᠵᠤ᠂ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠲᠠᠸᠠᠷ ᠤᠨ ᠬᠠᠮᠢᠶ᠎ᠠ ᠪᠥᠬᠦᠶ ᠲᠤᠭ᠎ᠠ | ᠪᠠᠷᠢᠮᠲᠠ ᠶᠢ ᠴᠤᠭᠯᠠᠭᠤᠯᠬᠤ ᠪᠠ ᠬᠠᠮᠳᠤ ᠳᠤ ᠪᠠᠨ ᠭᠦᠷᠳᠡᠨ᠎ᠠ᠃ ᠰᠠᠯᠠᠭ᠎ᠠ ᠮᠥᠴᠢᠷ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ᠂ ᠠᠵᠢᠯ ᠲᠦᠷᠦᠯ ᠠᠯᠤᠰᠯᠠᠭᠰᠠᠨ | ᠬᠡᠮᠳᠦᠯ ᠤᠨ ᠮᠡᠳᠡᠭᠡ ᠵᠠᠩᠭᠢ ᠶᠢ ᠨᠡᠪᠳᠡᠷᠡᠭᠦᠯᠦᠨ ᠮᠡᠳᠡᠬᠡᠯᠡᠬᠦ ᠳᠤ ᠬᠠᠮᠵᠢᠯᠴᠠᠨ ᠠᠵᠢᠯᠯᠠᠬᠤ ᠶᠢ ᠠᠬᠢᠭᠤᠯᠤᠨ᠂ ᠲᠠᠸᠠᠷ ᠲᠠᠢ ᠬᠠᠮᠢᠶ᠎ᠠ ᠪᠥᠬᠦᠶ ᠬᠡᠮᠳᠦᠯ ᠤᠨ ᠮᠡᠳᠡᠭᠦᠯᠦᠯᠲᠡ᠂ | ᠢᠳᠡᠭᠡᠨ ᠠᠴᠠ ᠢᠷᠡᠯᠳᠡ ᠲᠠᠢ ᠡᠪᠡᠳᠴᠢᠨ ᠡᠮᠭᠡᠭ᠂ ᠵᠠᠮ ᠬᠠᠷᠢᠯᠴᠠᠭᠠᠨ ᠤ ᠠᠳᠡᠯ ᠬᠡᠷᠡᠭ᠂ ᠭᠠᠯ ᠲᠦᠢᠮᠡᠷ ᠤᠨ ᠠᠳᠡᠯ ᠬᠡᠷᠡᠭ ᠵᠡᠷᠭᠡ ᠮᠡᠳᠡᠭᠡ ᠵᠠᠩᠭᠢ ᠶᠢ | ᠬᠠᠮᠳᠤ ᠳᠤ ᠪᠠᠨ ᠭᠦᠷᠳᠡᠬᠦ ᠶᠢ ᠲᠦᠷᠬᠡᠬᠡᠨ ᠪᠡᠶᠡᠯᠡᠬᠦᠯᠦᠨ᠎ᠠ᠃ | ︵ᠬᠤᠶᠠᠷ︶ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢᠨ ᠦᠨᠡᠯᠡᠨ ᠵᠢᠱᠢᠯᠳᠡ ᠶᠢ ᠰᠢᠨᠵᠢᠯᠡᠬᠦ ᠤᠬᠠᠭᠠᠨᠴᠢ ᠪᠠᠷ ᠰᠢᠯᠢᠳᠡᠭᠵᠢᠬᠦᠯᠦᠨ᠎ᠠ | 5. ᠲᠦᠭᠰᠢᠭᠦᠷᠢ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠬᠥᠭᠵᠢᠯᠲᠡ ᠶᠢ ᠠᠬᠢᠭᠤᠯᠤᠨ᠎ᠠ᠃ ᠣᠲᠣ ᠶᠢᠨ ᠪᠠᠶᠢᠭ᠎ᠠ ᠡᠬᠢ ᠪᠠᠶᠠᠯᠢᠭ ᠢᠶᠠᠨ ᠠᠰᠢᠨᠨᠯᠠᠵᠦ᠂ | ᠥᠪᠡᠷᠲᠡᠭᠡᠨ ᠵᠠᠰᠠᠬᠤ ᠣᠷᠣᠨ ᠤ ᠲᠡᠰ ᠤᠨ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠲᠠᠸᠠᠷ ᠤᠨ ᠶᠠᠰᠤ ᠴᠢᠨᠠᠷ ᠤᠨ ᠠᠮᠤᠷ ᠲᠦᠪᠰᠢᠨ ᠤ | ᠲᠦᠭᠰᠢᠭᠦᠷᠢ ᠶᠢ ᠦᠨᠡᠯᠡᠨ ᠵᠢᠱᠢᠬᠦ ᠲᠥᠪ ᠢ ᠪᠠᠶᠢᠭᠤᠯᠤᠨ᠎ᠠ᠃ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ᠂ ᠰᠢᠨᠵᠢᠯᠡᠬᠦ ᠤᠬᠠᠭᠠᠨ ᠤ ᠰᠤᠳᠤᠯᠤᠯ ᠤᠨ | ᠲᠠᠪᠴᠠᠩ ᠪᠠᠶᠢᠭᠤᠯᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠳᠤ | ᠨᠡᠶᠢᠭᠡᠮ ᠤᠨ ᠬᠦᠴᠦᠨ ᠤ ᠤᠷᠤᠯᠴᠠᠬᠤ ᠶᠢ ᠲᠡᠮᠵᠢᠵᠦ᠂ ᠨᠡᠶᠢᠭᠡᠮ ᠤᠨ ᠦᠨᠡᠯᠡᠨ ᠵᠢᠱᠢᠬᠦ ᠪᠠᠶᠢᠭᠤᠯᠤᠮᠵᠢ ᠶᠢᠨ ᠡᠷᠡᠭᠦᠯ ᠪᠥᠭᠡᠳ ᠡᠮᠬᠢ ᠵᠢᠷᠤᠮ ᠲᠠᠢ ᠪᠠᠷ ᠬᠥᠭᠵᠢᠬᠦ ᠶᠢ | ᠠᠬᠢᠭᠤᠯᠤᠨ᠎ᠠ᠃ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢᠨ ᠦᠨᠡᠯᠡᠨ ᠵᠢᠱᠢᠯᠳᠡ ᠶᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ | ᠠᠮᠤᠷ ᠲᠦᠪᠰᠢᠨ ᠤ ᠬᠠᠤᠯᠢ︾ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ ᠬᠡᠷᠡᠭᠵᠢᠬᠦᠯᠦᠨ᠎ᠠ᠃ | 6. ᠲᠦᠭᠰᠢᠭᠦᠷᠢ ᠶᠢ ᠦᠨᠡᠯᠡᠨ ᠵᠢᠱᠢᠬᠦ ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ | ᠵᠢᠱᠢᠬᠦ ᠠᠵᠢᠯ ᠢ ᠥᠷᠨᠢᠭᠦᠯᠵᠦ᠂ ᠮᠡᠳᠡᠭᠡ ᠵᠠᠩᠭᠢ ᠶᠢᠨ ᠲᠡᠷᠢᠭᠦᠨ ᠤ ᠮᠡᠷᠭᠡᠵᠢᠯ ᠤᠨ ᠬᠡᠷᠡᠭᠯᠡᠭᠡ ᠶᠢ ᠴᠢᠩᠭᠠᠷᠠᠭᠤᠯᠤᠨ᠂ ᠶᠠᠰᠤ ᠴᠢᠨᠠᠷ ᠤᠨ ᠠᠮᠤᠷ ᠲᠦᠪᠰᠢᠨ ᠤ | ᠲᠦᠭᠰᠢᠭᠦᠷᠢ ᠶᠢ ᠢᠯᠭᠠᠨ ᠲᠠᠨᠢᠬᠤ᠂ ᠵᠠᠳᠠᠯᠤᠯᠲᠠ ᠬᠢᠬᠦ ᠬᠢᠬᠡᠳ ᠦᠨᠡᠯᠡᠬᠦ ᠲᠡᠰ ᠲᠠᠷᠠᠭᠠᠯᠠᠯ ᠢ ᠵᠢᠷᠤᠮᠵᠢᠭᠤᠯᠵᠦ᠂ ᠰᠢᠨᠵᠢᠯᠡᠬᠦ ᠤᠬᠠᠭᠠᠨᠴᠢ ᠪᠦᠬᠡᠳ ᠪᠤᠳᠠᠳᠤ | ᠬᠡᠷᠡᠭᠴᠡᠭᠡ ᠲᠠᠢ ᠲᠦᠭᠰᠢᠭᠦᠷᠢ ᠶᠢ ᠦᠨᠡᠯᠡᠨ ᠵᠢᠱᠢᠬᠦ ᠠᠷᠭ᠎ᠠ ᠬᠡᠯᠪᠡᠷᠢ ᠶᠢ ᠰᠤᠳᠤᠯᠤᠨ᠂ ᠲᠦᠭᠰᠢᠭᠦᠷᠢ ᠶᠢ ᠦᠨᠡᠯᠡᠨ ᠵᠢᠱᠢᠬᠦ᠂ ᠲᠦᠭᠰᠢᠭᠦᠷᠢ ᠶᠢ ᠰᠢᠯᠭᠠᠨ ᠪᠠᠲᠤᠯᠠᠬᠤ 365赢多少钱会被限额_国内有真正的365平台吗_365bet博彩官网 | ᠵᠢᠴᠢ ᠲᠤᠳ᠋ᠬᠠᠳᠠᠯ ᠢ ᠦᠨᠡᠯᠡᠬᠦ ᠵᠡᠷᠭᠡ ᠲᠠᠯ᠎ᠠ ᠪᠠᠷ ᠬᠢ ᠰᠠᠭᠤᠷᠢ ᠰᠤᠳᠤᠯᠭᠠᠨ ᠤ ᠴᠢᠳᠠᠪᠤᠷᠢ ᠪᠠ ᠮᠡᠷᠭᠡᠵᠢᠯ ᠤᠨ ᠲᠤᠯᠭᠠᠭᠤᠷᠢᠯᠠᠬᠤ ᠴᠢᠳᠠᠪᠤᠷᠢ ᠶᠢ ᠲᠡᠬᠡᠭᠰᠢᠯᠡᠬᠦᠯᠦᠨ᠎ᠠ᠃ | 7. ᠲᠦᠭᠰᠢᠭᠦᠷᠢ ᠶᠢ ᠦᠨᠡᠯᠡᠨ ᠵᠢᠱᠢᠭᠰᠡᠨ ᠦᠷ᠎ᠡ ᠳ᠋ᠦᠩ ᠤᠨ ᠬᠡᠷᠡᠭᠯᠡᠭᠡ ᠶᠢ ᠴᠢᠩᠭᠠᠷᠠᠭᠤᠯᠤᠨ᠎ᠠ᠃ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ | ᠦᠨᠡᠯᠡᠨ ᠵᠢᠱᠢᠬᠦ ᠠᠵᠢᠯ ᠤᠨ ᠤᠷᠢᠳᠠᠴᠢ ᠦᠢᠯᠡᠳᠦᠯ ᠢ ᠨᠢ ᠪᠠᠳᠠᠷᠠᠭᠤᠯᠵᠤ᠂ ᠲᠦᠭᠰᠢᠭᠦᠷᠢ ᠶᠢ ᠬᠢᠨᠠᠨ ᠰᠢᠨᠵᠢᠬᠦ ᠲᠥᠯᠥᠪᠯᠡᠭᠡ ᠲᠤᠨᠨᠳᠠᠭᠠᠬᠤ᠂ ᠨᠢᠭᠤᠨᠨᠳᠠᠮᠠᠯ ᠬᠤᠤᠷ | ᠬᠥᠨᠥᠭᠡᠯ ᠤᠨ ᠬᠦᠴᠦᠨ ᠵᠦᠢᠯ ᠢ ᠢᠯᠡᠷᠡᠬᠦᠯᠬᠦ ᠪᠠ ᠵᠠᠶᠢᠯᠠᠰᠬᠢᠬᠦ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠰᠶᠢᠳᠪᠦᠷᠢᠯᠡᠬᠦ ᠠᠷᠭ᠎ᠠ ᠬᠡᠮᠵᠢᠶ᠎ᠡ ᠲᠤᠨᠨᠳᠠᠭᠠᠬᠤ ᠳᠤ | ᠲᠡᠮᠵᠢᠯᠬᠡ ᠦᠵᠡᠬᠦᠯᠦᠨ᠎ᠠ᠂ ᠬᠠᠤᠯᠢ ᠲᠣᠭᠲᠠᠭᠠᠯ ᠪᠣᠯᠤᠨ ᠲᠣᠭᠲᠠᠭᠠᠯ ᠳᠦᠷᠢᠮ ᠢ ᠲᠣᠭᠲᠠᠭᠠᠬᠤ ᠪᠠ ᠲᠡᠭᠦᠨ ᠳᠤ ᠵᠠᠰᠠᠪᠤᠷᠢ ᠣᠷᠣᠭᠤᠯᠬᠤ ᠵᠢᠴᠢ ᠬᠠᠮᠢᠶᠠᠷᠤᠯᠲᠠ ᠶᠢᠨ | ᠲᠥᠷᠥ ᠶᠢᠨ ᠪᠣᠳᠣᠯᠭ᠎ᠠ ᠲᠣᠭᠲᠠᠭᠠᠬᠤ ᠳᠤ ᠯᠠᠪᠯᠠᠯᠲᠠ ᠬᠠᠩᠭᠠᠨ᠎ᠠ᠃ | ︵ᠭᠤᠷᠪᠠ︶ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠶᠢ ᠭᠦᠴᠦᠯᠡᠨ ᠲᠡᠭᠦᠯᠳᠡᠷᠵᠢᠬᠦᠯᠦᠨ᠎ᠠ | 8. ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠳᠤ ᠲᠡᠰ ᠬᠤᠪᠢᠶᠠᠬᠤ ᠶᠢ ᠬᠡᠷᠡᠭᠵᠢᠬᠦᠯᠦᠨ᠎ᠠ᠃ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠵᠡᠷᠭᠡ | ᠳᠡᠰ ᠢ ᠰᠠᠯᠭᠠᠨ ᠬᠤᠪᠢᠶᠠᠷᠢᠯᠠᠬᠤ ᠪᠦᠬᠦ ᠤᠯᠤᠰ ᠤᠨ ᠨᠢᠭᠡᠳᠦᠯᠲᠡᠶ ᠪᠠᠷᠢᠮᠵᠢᠶ᠎ᠠ ᠪᠠ ᠬᠥᠳᠡᠯᠦᠩᠭᠦᠶ ᠲᠤᠬᠢᠷᠠᠭᠤᠯᠤᠯᠳᠠ ᠬᠢᠬᠦ ᠶᠤᠰᠤ ᠳᠦᠷᠢᠮ ᠶᠤᠰᠤᠭᠠᠷ᠂ ᠥᠪᠡᠷᠲᠡᠭᠡᠨ | ᠵᠠᠰᠠᠬᠤ ᠣᠷᠣᠨ ᠤ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠲᠠᠸᠠᠷ ᠤᠨ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠤᠷᠢᠳᠴᠢᠯᠠᠨ | ᠰᠡᠷᠡᠮᠵᠢᠯᠡᠭᠦᠯᠬᠦ ᠳᠤ ᠲᠡᠰ ᠬᠤᠪᠢᠶᠠᠨ᠎ᠠ᠃ ᠢᠳᠡᠭᠡᠨ ᠤ ᠠᠮᠤᠷ ᠲᠦᠪᠰᠢᠨ ᠤ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠡᠮᠵᠢᠯᠡᠬᠦᠯᠬᠦ ᠶᠢ ︽ᠤᠯᠤᠰ ᠤᠨ ᠢᠳᠡᠭᠡᠨ ᠤ | ᠠᠮᠤᠷ ᠲᠦᠪᠰᠢᠨ ᠤ ᠠᠳᠡᠯ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ᠤᠨ ᠶᠣᠰᠣᠭᠠᠷ ᠬᠡᠷᠡᠭᠵᠢᠭᠦᠯᠦᠨ᠎ᠡ᠃ | 9. ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠶᠢ ᠲᠦᠷᠦᠯ ᠠᠩᠬᠢᠯᠠᠨ ᠬᠡᠷᠡᠭᠵᠢᠬᠦᠯᠦᠨ᠎ᠠ᠃ ᠪᠣᠭᠤᠮᠲᠠ ᠳᠤ ᠡᠵᠡᠮᠰᠢᠨ ᠵᠠᠰᠠᠬᠤ ᠵᠡᠷᠭᠡ ᠲᠦᠷᠭᠡᠨ ᠳᠤᠰᠬᠠᠯ | ᠭᠠᠷᠭᠠᠬᠤ ᠠᠷᠭ᠎ᠠ ᠬᠡᠮᠵᠢᠶ᠎ᠡ ᠬᠡᠷᠡᠭᠵᠢᠬᠦᠯᠬᠦ ᠴᠢᠬᠤᠯᠠᠳᠠᠢ ᠪᠠᠶᠢᠪᠠᠯ᠂ ᠲᠦᠭᠰᠢᠭᠦᠷᠢ ᠶᠢ ᠰᠡᠷᠡᠮᠵᠢᠯᠡᠬᠦᠯᠬᠦ ᠨᠡᠪᠳᠡᠷᠡᠬᠦᠯᠬᠡ ᠨᠡᠶᠢᠳᠡᠯᠡᠬᠦ ᠬᠡᠷᠡᠭᠳᠡᠢ︔ ᠲᠦᠭᠰᠢᠭᠦᠷᠢ ᠶᠢ | ᠠᠷᠢᠯᠭᠠᠨ ᠪᠠᠭᠠᠰᠬᠠᠬᠤ ᠠᠷᠭ᠎ᠠ ᠬᠡᠮᠵᠢᠶ᠎ᠡ ᠬᠡᠷᠡᠭᠯᠡᠬᠦ ᠶᠢ ᠦᠢᠯᠡᠳᠪᠦᠷᠢᠯᠡᠯ ᠡᠵᠡᠩᠨᠡᠭᠴᠢ ᠳᠤ ᠴᠠᠭ ᠲᠤᠬᠠᠶ ᠳᠤ ᠨᠢ ᠰᠠᠨᠠᠭᠤᠯᠬᠤ ᠴᠢᠬᠤᠯᠠᠳᠠᠢ ᠪᠠᠶᠢᠪᠠᠯ᠂ ᠲᠦᠭᠰᠢᠭᠦᠷᠢ ᠶᠢ | ᠰᠡᠷᠡᠮᠵᠢᠯᠡᠬᠦᠯᠬᠦ ᠮᠡᠳᠡᠭᠳᠡᠯ ᠨᠡᠶᠢᠳᠡᠯᠡᠬᠦ ᠬᠡᠷᠡᠭᠳᠡᠢ︔ ᠠᠯᠪᠠᠳᠠᠯᠭ᠎ᠠ ᠶᠢᠨ ᠴᠢᠨᠠᠷᠲᠠᠶ ᠠᠷᠭ᠎ᠠ ᠬᠡᠮᠵᠢᠶ᠎ᠡ ᠬᠡᠷᠡᠭᠵᠢᠬᠦᠯᠵᠦ ᠪᠠᠶᠢᠭᠠᠳ ᠲᠦᠭᠰᠢᠭᠦᠷᠢ ᠪᠠ ᠬᠤᠤᠷ ᠭᠦᠨᠦᠬᠡᠯ ᠢ | ᠡᠵᠡᠮᠳᠡᠬᠦ ᠶᠢᠨ ᠬᠠᠮᠳᠤ᠂ ᠬᠡᠷᠡᠭᠯᠡᠭᠴᠢᠳ ᠢ ᠴᠠᠭ ᠲᠤᠬᠠᠶ ᠳᠤ ᠨᠢ ᠰᠡᠷᠡᠮᠵᠢᠯᠡᠬᠦᠯᠬᠦ ᠴᠢᠬᠤᠯᠠᠳᠠᠢ ᠪᠠᠶᠢᠪᠠᠯ᠂ ᠲᠦᠭᠰᠢᠭᠦᠷᠢ ᠶᠢ ᠰᠡᠷᠡᠮᠵᠢᠯᠡᠬᠦᠯᠬᠦ ᠠᠯᠪᠠᠨ ᠵᠠᠷ ᠨᠡᠶᠢᠳᠡᠯᠡᠬᠦ | ᠬᠡᠷᠡᠭᠳᠡᠢ᠃ | 10. ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠲᠣᠭᠲᠠᠴᠠ ᠶᠢ ᠪᠦᠷᠢᠨᠰᠢᠬᠦᠯᠦᠨ᠎ᠠ᠃ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠶᠢᠨ | ᠨᠡᠶᠢᠳᠡᠯᠡᠬᠦ ᠶᠤᠰᠤ ᠲᠦᠷᠢᠮ ᠢ ᠲᠡᠭᠦᠯᠳᠡᠷᠵᠢᠭᠦᠯᠵᠦ᠂ ᠤᠯᠤᠰ ᠠᠴᠠ ᠲᠤᠳᠤᠷᠬᠠᠶᠢᠯᠬᠠᠰᠠᠨ ᠴᠠᠭ ᠬᠤᠭᠤᠴᠠᠭ᠎ᠠ᠂ ᠡᠷᠬᠡ ᠶᠢᠨ ᠬᠢᠵᠠᠭᠠᠷ᠂ ᠴᠤᠪᠤᠷᠠᠯ᠂ ᠠᠷᠭ᠎ᠠ ᠵᠠᠮ | ᠬᠢᠭᠡᠳ ᠨᠡᠶᠢᠲᠡᠯᠡᠬᠦ ᠲᠡᠰ ᠲᠠᠷᠠᠭᠠᠯᠠᠯ ᠶᠤᠰᠤᠭᠠᠷ᠂ ᠤᠷᠢᠳᠴᠢᠯᠠᠨ ᠰᠡᠷᠡᠮᠵᠢᠯᠡᠭᠦᠯᠬᠦ ᠲᠡᠰ ᠢᠯᠭᠠᠯ᠂ ᠤᠷᠢᠳᠴᠢᠯᠠᠨ ᠰᠡᠷᠡᠮᠵᠢᠯᠡᠭᠦᠯᠬᠦ ᠬᠡᠪᠴᠢᠶ᠎ᠡ᠂ ᠰᠡᠷᠡᠮᠵᠢᠯᠡᠭᠦᠯᠬᠦ | ᠵᠦᠢᠯᠡᠰ ᠵᠡᠷᠭᠡ ᠨᠡᠶᠢᠳᠡᠯᠡᠬᠦ ᠠᠭᠤᠯᠭ᠎ᠠ ᠶᠢ ᠵᠢᠷᠤᠮᠵᠢᠭᠤᠯᠵᠦ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠢᠭᠡᠳᠦᠯᠲᠡᠶ ᠨᠡᠶᠢᠳᠡᠯᠡᠨ᠎ᠡ᠃ ᠨᠡᠶᠢᠲᠡᠯᠡᠬᠦ ᠠᠷᠭ᠎ᠠ | ᠬᠡᠯᠪᠡᠷᠢ ᠳᠤ ᠰᠢᠨ᠎ᠠ ᠶᠢ ᠡᠭᠦᠳᠴᠤ᠂ ᠨᠡᠶᠢᠲᠡᠯᠡᠬᠦ ᠠᠷᠭ᠎ᠠ ᠠᠪᠴᠢᠯ ᠢ ᠪᠠᠶᠠᠯᠢᠨᠨᠵᠢᠭᠤᠯᠤᠨ᠂ ᠪᠠᠶᠢᠴᠠᠭᠠᠨ ᠯᠠᠪᠯᠠᠬᠤ ᠠᠷᠭ᠎ᠠ ᠵᠠᠮ ᠢ ᠰᠢᠯᠤᠭᠤᠳᠬᠠᠵᠦ᠂ ᠲᠦᠭᠰᠢᠭᠦᠷᠢ ᠶᠢᠨ | ᠲᠠᠯ᠎ᠠ ᠪᠠᠷ ᠬᠢ ᠨᠡᠶᠢᠳᠡ ᠤᠯᠠᠨ ᠤ ᠲᠠᠨᠢᠯᠳᠠ ᠮᠡᠳᠡᠷᠡᠮᠵᠢ ᠶᠢ ᠲᠡᠬᠡᠭᠰᠢᠯᠡᠬᠦᠯᠦᠨ᠎ᠠ᠃ | ︵ᠳᠥᠷᠪᠡ︶ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢᠨ ᠰᠢᠢᠳᠪᠦᠷᠢᠯᠡᠯᠲᠡ ᠶᠢ ᠦᠳᠲᠡᠷ ᠲᠦᠷᠭᠡᠨ ᠬᠡᠷᠡᠭᠵᠢᠭᠦᠯᠦᠨ᠎ᠡ | 11. ᠦᠳᠳᠡᠷ ᠲᠦᠷᠭᠡᠨ ᠲᠤᠰᠬᠠᠯ ᠭᠠᠷᠭᠠᠬᠤ ᠠᠷᠭ᠎ᠠ ᠬᠡᠮᠵᠢᠶ᠎ᠡ ᠶᠢ ᠪᠦᠷᠢᠨᠰᠢᠬᠦᠯᠦᠨ᠎ᠠ᠃ ᠢᠲᠡᠭᠡᠮᠵᠢ ᠶᠢᠨ ᠵᠡᠷᠭᠡ ᠳᠡᠰ ᠢ ᠨᠢ ᠪᠠᠭᠤᠷᠠᠭᠤᠯᠬᠤ᠂ ᠪᠠᠶᠢᠴᠠᠭᠠᠨ | ᠮᠥᠷᠳᠡᠬᠦ᠂ ᠲᠤᠳ᠋ᠬᠠᠳᠠᠯ ᠲᠠᠢ ᠶᠢ ᠨᠢ ᠡᠭᠡᠭᠦᠯᠦᠨ ᠠᠪᠴᠢᠷᠠᠬᠤ᠂ ᠬᠢᠨᠠᠯᠳᠠ ᠬᠠᠮᠢᠶᠠᠷᠤᠯᠳᠠ ᠪᠠᠨ ᠤᠯᠠᠮ ᠴᠢᠩᠭᠠᠷᠠᠭᠤᠯᠬᠤ᠂ ᠭᠠᠳᠠᠭᠠᠳᠤ ᠠᠴᠠ ᠣᠷᠣᠭᠤᠯᠬᠤ ᠪᠠ | ᠭᠠᠳᠠᠭᠠᠳᠤ ᠳᠤ ᠭᠠᠷᠭᠠᠬᠤ ᠶᠢ ᠬᠢᠵᠠᠭᠠᠷᠯᠠᠬᠤ ᠪᠤᠶᠤ ᠴᠠᠭᠠᠵᠠᠯᠠᠬᠤ᠂ ᠪᠠᠶᠢᠴᠠᠭᠠᠨ ᠪᠢᠳᠡᠬᠦᠮᠵᠢᠯᠡᠵᠦ ᠬᠤᠷᠢᠶᠠᠨ ᠬᠤᠴᠤᠷᠠᠭᠠᠬᠤ᠂ ᠪᠤᠴᠠᠭᠠᠨ ᠲᠡᠬᠡᠬᠡᠪᠦᠷᠢᠯᠡᠬᠦᠯᠬᠦ᠂ | ᠪᠤᠷᠤᠯᠠᠭᠤᠯᠭ᠎ᠠ ᠶᠢ ᠲᠦᠷ ᠵᠣᠭᠰᠣᠭᠠᠬᠤ᠂ ᠤᠰᠠᠳᠬᠠᠬᠤ ᠵᠡᠷᠭᠡ ᠠᠷᠭ᠎ᠠ ᠠᠪᠴᠢᠯ ᠢ ᠶᠡᠷᠦᠩᠬᠡᠶᠢᠯᠡᠨ ᠬᠡᠷᠡᠭᠯᠡᠵᠦ᠂ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠬᠦᠴᠦᠨ ᠦᠭᠡᠢ | ᠪᠤᠯᠭᠠᠳᠠᠯ᠎ᠠ ᠲᠦᠭᠰᠢᠭᠦᠷᠢ ᠶᠢᠨ ᠵᠡᠷᠭᠡ ᠳᠡᠰ ᠲᠤ ᠭᠦᠳᠡᠯᠦᠩᠬᠦᠢ ᠲᠤᠬᠢᠷᠠᠭᠤᠯᠤᠯᠳᠠ ᠬᠢᠨ᠎ᠠ᠃ ᠪᠣᠭᠤᠮᠲᠠ ᠶᠢᠨ ᠠᠮᠤᠷ ᠲᠦᠪᠰᠢᠨ ᠢ ᠬᠤᠯᠪᠤᠭᠠᠯᠠᠵᠦ ᠰᠡᠷᠭᠡᠶᠢᠯᠡᠨ | ᠡᠵᠡᠮᠳᠡᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠪᠤᠭᠤᠮᠳᠠ ᠠᠴᠠ ᠵᠠᠬ᠎ᠠ ᠳᠡᠯᠭᠡᠭᠦᠷ ᠲᠤ ᠬᠦᠷᠲᠡᠯᠡᠬᠢ ᠪᠥᠬᠦ ᠶᠠᠪᠤᠴᠠ ᠳᠤ ᠲᠦᠭᠰᠢᠭᠦᠷᠢ ᠶᠢ ᠪᠦᠲᠦᠮᠵᠢᠲᠡᠶ ᠪᠠᠷ | ᠰᠡᠷᠭᠡᠶᠢᠯᠡᠨ ᠡᠵᠡᠮᠳᠡᠬᠦ ᠶᠢ ᠪᠡᠶᠡᠯᠡᠬᠦᠯᠦᠨ᠎ᠠ᠃ | 12. ᠭᠠᠳᠠᠭᠠᠳᠤ ᠠᠴᠠ ᠤᠷᠤᠭᠤᠯᠤᠨᠨᠰᠠᠨ ᠲᠤᠳ᠋ᠬᠠᠳᠠᠯ ᠲᠠᠢ ᠲᠠᠸᠠᠷ ᠢ ᠡᠭᠡᠭᠦᠯᠦᠨ ᠠᠪᠴᠢᠷᠠᠬᠤ ᠪᠠᠨ ᠴᠢᠩᠭᠠᠳᠬᠠᠨ᠎ᠠ᠃ ᠭᠠᠳᠠᠭᠠᠳᠤ ᠠᠴᠠ ᠤᠷᠤᠭᠤᠯᠤᠨᠨᠰᠠᠨ | ᠲᠤᠳ᠋ᠬᠠᠳᠠᠯ ᠲᠠᠢ ᠬᠡᠷᠡᠭᠯᠡᠬᠡᠨ ᠤ ᠵᠦᠢᠯ ᠢ ᠡᠭᠡᠭᠦᠯᠦᠨ ᠠᠪᠴᠢᠷᠠᠬᠤ ᠬᠠᠮᠢᠶᠠᠷᠤᠯᠲᠠ ᠪᠠᠨ ᠴᠢᠩᠭᠠᠳᠬᠠᠵᠦ᠂ ᠭᠠᠳᠠᠭᠠᠳᠤ ᠠᠴᠠ ᠤᠷᠤᠭᠤᠯᠤᠨᠨᠰᠠᠨ ᠮᠠᠰᠢᠨᠲᠤ ᠲᠡᠷᠭᠡ ᠪᠠ ᠵᠠᠮ | ᠬᠠᠷᠢᠯᠴᠠᠭᠠᠨ ᠤ ᠪᠤᠰᠤ ᠰᠢᠯᠵᠢᠮᠡᠯ ᠮᠧᠬᠠᠨᠢᠭ ᠤᠨ ᠣᠷᠴᠢᠨ ᠠᠬᠤᠢ ᠶᠢᠨ ᠬᠠᠮᠠᠭᠠᠯᠠᠯᠲᠠ ᠳᠤ ᠡᠭᠡᠭᠦᠯᠦᠨ ᠠᠪᠴᠢᠷᠠᠬᠤ ᠶᠢ ᠬᠡᠷᠡᠭᠵᠢᠬᠦᠯᠦᠨ᠎ᠠ᠃ ᠡᠭᠡᠭᠦᠯᠦᠨ | ᠠᠪᠴᠢᠷᠬᠠᠰᠠᠨ ᠤ ᠲᠠᠷᠠᠭᠠᠬᠢ ᠬᠢᠨᠠᠯᠲᠠ ᠬᠠᠮᠢᠶᠠᠷᠤᠯᠲᠠ ᠪᠠ ᠦᠷ᠎ᠡ ᠨᠦᠯᠦᠬᠡ ᠳᠤ ᠦᠨᠡᠯᠡᠯᠲᠡ ᠬᠢᠬᠦ ᠶᠢ ᠴᠢᠩᠭᠠᠷᠠᠭᠤᠯᠤᠨ᠎ᠠ᠃ ᠠᠵᠤ ᠠᠬᠤᠶᠢᠯᠠᠯ ᠤᠨ ᠡᠭᠡᠭᠦᠯᠦᠨ | ᠠᠪᠴᠢᠷᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠦᠢᠯᠡᠳᠬᠦ ᠦᠢᠯᠡᠰ ᠤᠨ ᠬᠤᠳᠠᠯᠳᠤᠭᠠᠴᠢᠨ᠂ ᠭᠠᠳᠠᠭᠠᠳᠤ ᠤᠷᠤᠭᠤᠯᠤᠯᠳᠠ ᠶᠢᠨ | ᠬᠤᠳᠠᠯᠳᠤᠭᠠᠴᠢᠨ ᠢ ᠵᠤᠷᠢᠨᠨᠵᠢᠭᠤᠯᠵᠦ ᠪᠠᠶᠢᠭᠠᠳ ᠰᠠᠨᠠᠭᠠᠴᠢᠯᠠᠭ᠎ᠠ ᠠᠴᠠ ᠪᠠᠨ ᠡᠭᠡᠭᠦᠯᠦᠨ ᠠᠪᠴᠢᠷᠠᠬᠤ ᠶᠢ ᠦᠷᠨᠢᠭᠦᠯᠦᠨ᠂ ᠳᠤᠲᠠᠭᠳᠠᠯ ᠲᠠᠢ ᠪᠠᠨ ᠨᠢᠭᠤᠨ ᠲᠠᠯᠳᠠᠯᠠᠬᠤ᠂ | ᠲᠦᠭᠰᠢᠭᠦᠷᠢ ᠶᠢᠨ ᠮᠡᠳᠡᠭᠡ ᠵᠠᠩᠭᠢ ᠶᠢ ᠮᠡᠳᠡᠬᠦᠯᠬᠦ ᠦᠬᠡᠢ ᠨᠢᠭᠤᠬᠤ᠂ ᠲᠤᠳ᠋ᠬᠠᠳᠠᠯ ᠢ ᠨᠢ ᠪᠠᠶᠢᠴᠠᠭᠠᠬᠤ ᠳᠤ ᠬᠠᠮᠵᠢᠯᠴᠠᠬᠤ ᠦᠬᠡᠢ ᠪᠤᠶᠤ ᠲᠣᠭᠲᠠᠭᠠᠯ ᠶᠣᠰᠣᠭᠠᠷ | ᠡᠭᠡᠭᠦᠯᠦᠨ ᠠᠪᠴᠢᠷᠠᠬᠤ ᠦᠭᠡᠶ ᠪᠠᠶᠢᠪᠠᠯ᠂ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ᠃ | 13. ᠶᠠᠰᠤ ᠴᠢᠨᠠᠷ ᠤᠨ ᠢᠳᠡᠬᠡᠮᠵᠢ ᠶᠢᠨ ᠲᠠᠯ᠎ᠠ ᠳᠤ ᠤᠷᠮᠠᠰᠢᠭᠤᠯᠬᠤ ᠪᠠ ᠵᠠᠯᠬᠠᠭᠠᠨ ᠴᠡᠭᠡᠷᠯᠡᠭᠦᠯᠬᠦ ᠪᠠᠨ ᠴᠢᠩᠭᠠᠳᠬᠠᠨ᠎ᠠ᠃ ᠠᠵᠤ ᠠᠬᠤᠶᠢᠯᠠᠯ ᠤᠳ ᠶᠠᠰᠤ | ᠴᠢᠨᠠᠷ ᠤᠨ ᠠᠮᠤᠷ ᠲᠦᠪᠰᠢᠨ ᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠲᠦᠭᠰᠢᠬᠦᠷᠢ ᠶᠢ ᠪᠠᠭᠠᠰᠬᠠᠬᠤ ᠡᠭᠦᠷᠬᠡ ᠪᠠᠨ ᠭᠦᠢᠴᠡᠳᠬᠡᠭᠰᠡᠨ | ᠪᠠᠶᠢᠳᠠᠯ ᠢ ᠨᠢ ᠶᠠᠰᠤ ᠴᠢᠨᠠᠷ ᠤᠨ ᠢᠳᠡᠬᠡᠮᠵᠢ ᠶᠢᠨ ᠬᠠᠮᠢᠶᠠᠷᠤᠯᠳᠠ ᠳᠤ ᠤᠷᠤᠭᠤᠯᠤᠨ᠎ᠠ᠃ ᠢᠳᠡᠬᠡᠮᠵᠢᠳᠡᠢ ᠠᠵᠤ ᠠᠬᠤᠶᠢᠯᠠᠯ ᠳᠤ ᠦᠢᠯᠡᠴᠢᠯᠡᠬᠦ ᠠᠷᠭ᠎ᠠ ᠬᠡᠮᠵᠢᠶ᠎ᠡ ᠪᠠᠨ | ᠰᠢᠯᠢᠳᠡᠭᠵᠢᠭᠦᠯᠵᠦ᠂ ᠶᠠᠰᠤ ᠴᠢᠨᠠᠷ ᠤᠨ ᠲᠠᠯ᠎ᠠ ᠳᠤ ᠢᠳᠡᠬᠡᠮᠵᠢ ᠠᠯᠳᠠᠭᠰᠠᠨ ᠦᠢᠯᠡ ᠠᠵᠢᠯᠯᠠᠭ᠎ᠠ ᠶᠢ ᠬᠤᠯᠪᠤᠭᠠᠯᠠᠵᠦ ᠵᠠᠯᠬᠠᠭᠠᠨ ᠴᠡᠬᠡᠷᠯᠡᠬᠦᠯᠬᠦ ᠶᠢ ᠦᠷᠭᠦᠯᠵᠢᠯᠡᠨ | ᠠᠬᠢᠭᠤᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠢᠳᠡᠬᠡᠮᠵᠢ ᠶᠢᠨ ᠮᠡᠳᠡᠭᠡ ᠵᠠᠩᠬᠢ ᠶᠢᠨ ᠦᠵᠡᠬᠦᠯᠬᠦ ᠤᠷᠮᠠᠰᠢᠭᠤᠯᠬᠤ ᠪᠠ ᠬᠢᠵᠠᠭᠠᠷᠯᠠᠬᠤ ᠦᠢᠯᠡᠳᠦᠯ ᠢ | ᠭᠦᠢᠴᠡᠳ ᠪᠠᠳᠠᠷᠠᠭᠤᠯᠤᠨ᠎ᠠ᠃ | 14. ᠶᠠᠰᠤ ᠴᠢᠨᠠᠷ ᠤᠨ ᠠᠮᠤᠷ ᠲᠦᠪᠰᠢᠨ ᠤ ᠲᠠᠯ᠎ᠠ ᠳᠠᠬᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠶᠠᠯᠠᠯᠠᠨ ᠰᠢᠢᠳᠬᠡᠬᠦ ᠶᠢ ᠴᠢᠩᠭᠠᠷᠠᠭᠤᠯᠤᠨ᠎ᠠ᠃ | ᠶᠠᠰᠤ ᠴᠢᠨᠠᠷ ᠤᠨ ᠠᠮᠤᠷ ᠲᠦᠪᠰᠢᠨ ᠤ ᠲᠠᠯ᠎ᠠ ᠪᠠᠷ ᠬᠠᠤᠯᠢ ᠠᠴᠠ ᠵᠥᠷᠢᠴᠡᠭᠰᠡᠨ ︽ᠬᠠᠷ᠎ᠠ ᠳᠠᠩᠰᠠ︾ ᠪᠠ ᠬᠠᠤᠯᠢ ᠠᠴᠠ ᠬᠦᠨᠳᠦ ᠨᠣᠴᠢᠲᠠᠢ ᠵᠦᠷᠢᠴᠡᠭᠰᠡᠨ ᠠᠵᠤ | ᠠᠬᠤᠶᠢᠯᠠᠯ ᠢ ᠠᠯᠪᠠᠳᠠᠯᠭ᠎ᠠ ᠪᠠᠷ ᠪᠤᠴᠠᠭᠠᠵᠤ ᠭᠠᠷᠭᠠᠬᠤ ᠳᠦᠷᠢᠮ ᠢ ᠪᠠᠶᠢᠭᠤᠯᠤᠨ᠎ᠠ᠃ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠦᠢᠯᠡᠳᠦᠯ ᠢ ᠪᠠᠳᠠᠷᠠᠭᠤᠯᠵᠤ᠂ | ᠠᠵᠤ ᠦᠢᠯᠡᠰ ᠤᠨ ᠪᠦᠬᠡᠮᠨᠡᠷᠡᠯ ᠤᠨ ᠳᠠᠪᠠᠭᠤᠯᠢᠭ ᠪᠠ ᠶᠠᠰᠤ ᠴᠢᠨᠠᠷ ᠤᠨ ᠲᠠᠯ᠎ᠠ ᠪᠠᠷ ᠵᠢᠱᠢᠶ᠎ᠡ ᠦᠵᠡᠬᠦᠯᠵᠦ ᠭᠦᠳᠦᠯᠦᠨ ᠲᠠᠭᠠᠭᠤᠯᠬᠤ ᠦᠢᠯᠡᠳᠦᠯ ᠢ ᠨᠢ ᠭᠦᠢᠴᠡᠳ | ᠪᠠᠳᠠᠷᠠᠭᠤᠯᠤᠨ᠎ᠠ᠃ | 15. ᠡᠷᠬᠡ ᠳᠤ ᠬᠠᠯᠳᠠᠬᠤ ᠪᠠ ᠬᠠᠭᠤᠷᠮᠠᠭ ᠵᠦᠢᠯ ᠦᠢᠯᠡᠳᠬᠦ ᠳᠤ ᠴᠣᠬᠢᠯᠲᠠ ᠥᠭᠬᠦ ᠠᠵᠢᠯ ᠤᠨ ᠡᠷᠴᠢᠮ ᠢᠶᠠᠨ ᠴᠢᠩᠭᠠᠷᠠᠭᠤᠯᠤᠨ᠎ᠠ᠃ ︽ᠴᠡᠭᠴᠡᠯᠡᠨ | ᠴᠡᠪᠡᠷᠯᠡᠬᠦ ᠠᠵᠢᠯᠯᠠᠭ᠎ᠠ︾ ᠶᠢ ᠦᠷᠭᠦᠯᠵᠢᠯᠡᠨ ᠥᠷᠨᠢᠭᠦᠯᠵᠦ᠂ ᠬᠠᠭᠤᠷᠮᠠᠭ ᠮᠠᠭᠤ ᠲᠠᠸᠠᠷ ᠦᠢᠯᠡᠳᠬᠦ ᠦᠢᠯᠡ ᠠᠵᠢᠯᠯᠠᠭ᠎ᠠ ᠳᠤ ᠴᠣᠬᠢᠯᠲᠠ ᠥᠭᠬᠦ ᠪᠠ ᠴᠡᠭᠴᠡᠯᠡᠨ | ᠵᠠᠰᠠᠯᠳᠠ ᠦᠷᠨᠢᠬᠦᠯᠦᠨ᠂ ᠬᠢᠯᠢ ᠶᠢᠨ ᠬᠠᠷᠢᠯᠴᠠᠨ ᠮᠠᠶᠢᠮᠠᠶᠢᠯᠠᠬᠤ ᠵᠠᠬ᠎ᠠ ᠠᠷᠠᠯᠵᠢᠶ᠎ᠠ᠂ ᠵᠠᠬ᠎ᠠ ᠳᠡᠯᠭᠡᠭᠦᠷ ᠤᠨ ᠬᠤᠳᠠᠯᠳᠤᠨ ᠠᠪᠤᠯᠳᠠ ᠵᠢᠴᠢ ︽ᠨᠢᠭᠡ ᠪᠦᠰᠡ ᠨᠢᠭᠡ ᠵᠠᠮ︾ | ᠤᠨ ᠳᠠᠭᠠᠤ ᠳᠠᠬᠢ ᠤᠯᠤᠰ ᠪᠠ ᠭᠠᠵᠠᠷ ᠣᠷᠣᠨ ᠳᠤ ᠭᠠᠷᠭᠠᠬᠤ ᠭᠤᠣᠯᠳᠠᠯᠭ᠎ᠠ ᠲᠠᠢ ᠲᠠᠸᠠᠷ ᠪᠠ ᠬᠦᠷᠢᠶ᠎ᠡ ᠴᠠᠷᠠᠭᠠᠨ ᠳᠠᠬᠢ ᠬᠢᠨᠠᠯᠲᠠ ᠬᠠᠮᠢᠶᠠᠷᠤᠯᠲᠠ ᠪᠠᠨ | ᠭᠤᠤᠯᠳᠠᠯᠭ᠎ᠠ ᠲᠠᠢ ᠴᠢᠩᠭᠠᠳᠬᠠᠨ᠎ᠠ᠃ ᠳᠤᠮᠳᠠᠳᠤ ᠣᠷᠣᠰ᠂ ᠳᠤᠮᠳᠠᠳᠤ ᠮᠣᠩᠭᠤᠯ ᠤᠨ ᠬᠤᠭᠤᠷᠣᠨᠳᠣᠬᠢ ᠬᠠᠤᠯᠢ ᠬᠡᠷᠡᠭᠵᠢᠬᠦᠯᠦᠯᠳᠡ ᠳᠤ ᠬᠠᠮᠵᠢᠯᠴᠠᠨ ᠠᠵᠢᠯᠯᠠᠬᠤ | ᠲᠣᠭᠲᠠᠴᠠ ᠶᠢ ᠪᠠᠶᠢᠭᠤᠯᠤᠨ᠎ᠠ᠃ | 16. ᠭᠤᠤᠯᠳᠠᠯᠭ᠎ᠠ ᠲᠠᠢ ᠬᠦᠷᠢᠶ᠎ᠡ ᠴᠠᠷᠠᠭᠠᠨ ᠳᠠᠬᠢ ᠶᠠᠰᠤ ᠴᠢᠨᠠᠷ ᠤᠨ ᠠᠮᠤᠷ ᠲᠦᠪᠰᠢᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠠᠵᠢᠯ ᠢ | ᠴᠢᠩᠭᠠᠳᠬᠠᠨ᠎ᠠ᠃ ᠪᠦᠬᠦ ᠣᠷᠣᠨ ᠤ ᠡᠯ᠎ᠡ ᠱᠠᠲᠤᠨ ᠤ ᠪᠠᠶᠢᠴᠠᠭᠠᠬᠤ ᠪᠠᠶᠢᠭᠤᠯᠭ᠎ᠠ ᠨᠤᠭᠤᠳ ᠬᠠᠤᠯᠢ ᠶᠣᠰᠣᠭᠠᠷ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ᠂ | ᠠᠮᠢ ᠠᠬᠤᠶ ᠶᠢᠨ ᠣᠷᠴᠢᠨ ᠲᠣᠭᠤᠷᠢᠨ ᠪᠠ ᠡᠬᠢ ᠪᠠᠶᠠᠯᠢᠭ ᠤᠨ ᠬᠠᠮᠠᠭᠠᠯᠠᠯᠳᠠ ᠵᠡᠷᠭᠡ ᠭᠦᠷᠢᠶ᠎ᠡ ᠴᠠᠷᠠᠭᠠᠨ ᠳᠤ ᠢᠷᠭᠡᠨ ᠤ ᠬᠡᠷᠡᠭ ᠤᠨ ᠨᠡᠶᠢᠲᠡ ᠶᠢᠨ ᠠᠰᠠᠷᠠᠮᠵᠢ ᠶᠢᠨ | ᠵᠠᠷᠭᠤ ᠪᠠ ᠵᠠᠰᠠᠭ ᠵᠠᠬᠢᠷᠭᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢ ᠦᠷᠨᠢᠬᠦᠯᠦᠨ᠎ᠠ᠃ ᠬᠠᠤᠯᠢ ᠴᠠᠭᠠᠵᠠ ᠶᠢᠨ ᠪᠠᠶᠢᠭᠤᠯᠭ᠎ᠠ ᠬᠢᠬᠡᠳ ᠬᠢᠨᠠᠯᠳᠠ ᠬᠠᠮᠢᠶᠠᠷᠤᠯᠳᠠ ᠶᠢᠨ | ᠰᠠᠯᠠᠭ᠎ᠠ ᠮᠥᠴᠢᠷ ᠤᠨ ᠤᠶᠢᠯᠠᠭᠠᠯᠴᠠᠵᠦ ᠨᠡᠪᠳᠡᠷᠡᠯᠴᠡᠬᠦ ᠲᠣᠭᠲᠠᠴᠠ ᠵᠢᠴᠢ ᠰᠦᠪᠡᠭᠴᠢ ᠶᠢ ᠰᠢᠯᠵᠢᠭᠦᠯᠦᠨ ᠬᠦᠷᠭᠡᠬᠦ ᠲᠣᠭᠲᠠᠴᠠ ᠶᠢ ᠪᠠᠶᠢᠭᠤᠯᠤᠨ᠎ᠠ᠃ ᠨᠡᠶᠢᠲᠡ ᠶᠢᠨ | ᠠᠰᠠᠷᠠᠮᠵᠢ ᠶᠢᠨ ᠵᠣᠬᠢᠶᠠᠨ ᠪᠠᠶᠢᠭᠤᠯᠤᠯᠲᠠ᠂ ᠠᠯᠪᠠᠨ ᠲᠤᠰᠢᠶᠠᠯᠲᠤ ᠬᠠᠤᠯᠢᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠦ᠂ ᠨᠡᠶᠢᠲᠡ ᠶᠢᠨ ᠠᠰᠠᠷᠠᠮᠵᠢ ᠶᠢᠨ | ᠵᠠᠷᠭᠤ ᠶᠢᠨ ᠬᠠᠤᠯᠢ ᠴᠠᠭᠠᠵᠠ ᠶᠢᠨ ᠦᠷ᠎ᠡ ᠨᠦᠯᠦᠬᠡ ᠪᠠ ᠨᠡᠶᠢᠭᠡᠮ ᠤᠨ ᠦᠷ᠎ᠡ ᠨᠦᠯᠦᠬᠡ ᠶᠢ ᠴᠢᠩᠭᠠᠷᠠᠭᠤᠯᠤᠨ᠎ᠠ᠃ | 17. ᠪᠣᠭᠤᠮᠲᠠ ᠶᠢᠨ ᠲᠦᠭᠰᠢᠭᠦᠷᠢ ᠶᠢᠨ ᠪᠠᠴᠢᠮ ᠪᠠᠶᠢᠳᠠᠯ ᠢ ᠠᠷᠭᠠᠴᠠᠨ ᠰᠶᠢᠳᠪᠦᠷᠢᠯᠡᠬᠦ ᠪᠠᠨ ᠲᠡᠭᠦᠯᠳᠡᠷᠵᠢᠬᠦᠯᠦᠨ᠎ᠠ᠃ ᠪᠥᠬᠦ ᠣᠷᠣᠨ ᠤ ᠭᠠᠳᠠᠭᠠᠳᠤ ᠠᠴᠠ | ᠤᠷᠤᠭᠤᠯᠬᠤ ᠪᠠ ᠭᠠᠳᠠᠭᠠᠳᠤ ᠳᠤ ᠭᠠᠷᠭᠠᠬᠤ ᠭᠦᠢᠯᠬᠡᠬᠡᠨ ᠶᠡᠬᠡᠳᠡᠢ ᠡᠬᠢ ᠪᠠᠶᠠᠯᠢᠭ ᠤᠨ ᠴᠢᠨᠠᠷᠲᠠᠶ ᠲᠠᠸᠠᠷ᠂ ᠠᠶᠤᠯᠳᠤ ᠪᠠᠷᠠᠭ᠎ᠠ᠂ ᠬᠠᠲᠠᠭᠤ ᠪᠡᠶᠡᠲᠦ ᠬᠠᠶᠠᠭᠳᠠᠮᠠᠯ ᠪᠣᠳᠠᠰ | ᠵᠡᠷᠭᠡ ᠲᠠᠸᠠᠷ ᠤᠨ ᠠᠮᠤᠷ ᠲᠦᠪᠰᠢᠨ ᠤ ᠲᠦᠭᠰᠢᠭᠦᠷᠢ ᠶᠢ ᠭᠤᠤᠯᠳᠠᠯᠭ᠎ᠠ ᠲᠠᠢ ᠠᠩᠬᠠᠷᠴᠤ᠂ ᠲᠦᠭᠰᠢᠭᠦᠷᠢ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ | ᠲᠥᠰᠦᠯ ᠢ ᠲᠤᠨᠨᠳᠠᠭᠠᠨ᠂ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠶᠢ ᠪᠡᠯᠡᠳᠬᠡᠬᠦ ᠪᠠ ᠰᠣᠷᠢᠯᠲᠠ ᠬᠢᠬᠦ ᠪᠠᠨ ᠴᠢᠩᠭᠠᠷᠠᠭᠤᠯᠵᠦ᠂ ᠪᠣᠭᠤᠮᠲᠠ ᠶᠢᠨ | ᠲᠦᠭᠰᠢᠭᠦᠷᠢ ᠶᠢᠨ ᠪᠠᠴᠢᠮ ᠪᠠᠶᠢᠳᠠᠯ ᠢ ᠠᠷᠭᠠᠴᠠᠨ ᠰᠶᠢᠳᠪᠦᠷᠢᠯᠡᠬᠦ ᠴᠢᠳᠠᠪᠤᠷᠢ ᠶᠢ ᠲᠡᠬᠡᠭᠰᠢᠯᠡᠬᠦᠯᠦᠨ᠎ᠠ᠃ | ︵ᠲᠠᠪᠤ︶ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢᠨ ᠬᠠᠮᠢᠶᠠᠷᠤᠯᠲᠠ ᠶᠢᠨ ᠦᠷ᠎ᠡ ᠳ᠋ᠦᠩ ᠢ ᠬᠡᠷᠡᠭᠯᠡᠬᠦ ᠶᠢ ᠴᠢᠬᠤᠯᠠᠴᠢᠯᠠᠨ᠎ᠠ | 18. ᠠᠵᠤ ᠠᠬᠤᠶᠢᠯᠠᠯ ᠤᠨ ᠶᠠᠰᠤ ᠴᠢᠨᠠᠷ ᠤᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠠᠵᠤ | ᠠᠬᠤᠶᠢᠯᠠᠯ ᠤᠨ ᠬᠢᠨ ᠤ ᠳᠤᠲᠠᠭᠳᠠᠯ ᠢᠶᠠᠨ ᠠᠷᠢᠯᠭᠠᠬᠤ᠂ ᠮᠡᠷᠭᠡᠵᠢᠯ ᠢᠶᠠᠨ ᠦᠬᠡᠷᠡᠴᠢᠯᠡᠬᠦ ᠪᠠ ᠭᠠᠷ ᠤᠷᠠᠯᠠᠯ ᠢᠶᠠᠨ ᠬᠠᠯᠠᠨ ᠰᠠᠶᠢᠵᠢᠷᠠᠭᠤᠯᠬᠤ ᠠᠵᠢᠯ ᠦᠷᠨᠢᠬᠦᠯᠵᠦ᠂ | ᠶᠠᠰᠤ ᠴᠢᠨᠠᠷ ᠤᠨ ᠬᠢᠷᠢ ᠲᠦᠪᠰᠢᠨ ᠢᠶᠠᠨ ᠲᠡᠬᠡᠭᠰᠢᠯᠡᠬᠦᠯᠬᠦ ᠶᠢ ᠵᠤᠷᠢᠨᠨᠵᠢᠭᠤᠯᠤᠨ ᠲᠡᠮᠵᠢᠨ᠎ᠠ᠃ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ | ᠲᠠᠸᠠᠷ ᠤᠨ ᠦᠢᠯᠡᠳᠪᠦᠷᠢᠯᠡᠯ ᠡᠵᠡᠩᠨᠡᠭᠴᠢ ᠶᠢ ᠰᠢᠮᠳᠠᠭᠤᠯᠵᠦ ᠪᠠᠶᠢᠭᠠᠳ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠢ ᠴᠢᠩᠭ᠎ᠠ ᠭᠦᠢᠴᠡᠳᠬᠡᠯᠬᠡᠵᠦ᠂ ᠲᠦᠭᠰᠢᠭᠦᠷᠢ ᠶᠢᠨ | ᠮᠡᠳᠡᠭᠡ ᠵᠠᠩᠭᠢ ᠪᠤᠶᠤ ᠶᠠᠰᠤ ᠴᠢᠨᠠᠷ ᠤᠨ ᠬᠦᠨᠳᠦ ᠬᠡᠴᠡᠬᠦᠦ ᠠᠳᠡᠯ ᠬᠡᠷᠡᠭ ᠭᠠᠷᠤᠨᠨᠰᠠᠨ ᠠᠵᠤ ᠠᠬᠤᠶᠢᠯᠠᠯ ᠢ ᠮᠡᠳᠡᠬᠦᠯᠬᠦ ᠪᠠ ᠲᠦᠭᠰᠢᠭᠦᠷᠢ ᠶᠢ ᠠᠷᠢᠯᠭᠠᠨ ᠪᠠᠭᠠᠰᠬᠠᠬᠤ | ᠡᠭᠦᠷᠭᠡ ᠶᠢ ᠨᠢ ᠨᠠᠶᠢᠳᠠᠪᠤᠷᠢᠵᠢᠭᠤᠯᠤᠨ᠂ ᠶᠠᠰᠤ ᠴᠢᠨᠠᠷ ᠤᠨ ᠠᠮᠤᠷ ᠲᠦᠪᠰᠢᠨ ᠤ ᠡᠷᠬᠡ ᠳᠤ ᠬᠠᠯᠳᠠᠭᠰᠠᠨ ᠪᠠᠶᠢᠪᠠᠯ ᠲᠦᠯᠦᠪᠦᠷᠢ ᠶᠢᠨ ᠬᠠᠷᠢᠭᠤᠴᠠᠯᠭ᠎ᠠ ᠶᠢ ᠬᠠᠤᠯᠢ | ᠶᠣᠰᠣᠭᠠᠷ ᠡᠭᠦᠷᠬᠡᠯᠡᠨ᠎ᠠ᠃ | 19. ᠮᠡᠷᠭᠡᠵᠢᠯ ᠤᠨ ᠴᠢᠨᠠᠷᠲᠠᠶ ᠠᠷᠠᠯᠵᠢᠶᠠᠨ ᠤ ᠠᠷᠭ᠎ᠠ ᠬᠡᠮᠵᠢᠶ᠎ᠡ ᠶᠢᠨ ᠬᠠᠮᠢᠶ᠎ᠠ ᠪᠦᠭᠦᠢ ᠠᠵᠢᠯ ᠢ ᠴᠢᠩᠭᠠᠳᠬᠠᠨ᠎ᠠ᠃ ᠭᠠᠳᠠᠭᠠᠳᠤ ᠶᠢᠨ ᠮᠡᠷᠭᠡᠵᠢᠯ ᠤᠨ ᠴᠢᠨᠠᠷᠲᠠᠶ | ᠠᠷᠠᠯᠵᠢᠶᠠᠨ ᠤ ᠠᠷᠭ᠎ᠠ ᠬᠡᠮᠵᠢᠶ᠎ᠡ ᠶᠢᠨ ᠭᠦᠳᠡᠯᠦᠯ ᠬᠤᠪᠢᠷᠠᠯᠲᠠ ᠶᠢ ᠨᠢᠨᠨᠳᠠ ᠮᠦᠷᠳᠡᠵᠦ᠂ ᠮᠠᠨ ᠤ ᠣᠷᠣᠨ ᠤ ᠬᠠᠮᠢᠶ᠎ᠠ ᠪᠥᠬᠦᠶ ᠠᠵᠤ ᠦᠢᠯᠡᠰ ᠪᠠ ᠭᠠᠳᠠᠭᠠᠳᠤ ᠳᠤ | ᠭᠠᠷᠭᠠᠬᠤ ᠠᠷᠠᠯᠵᠢᠶ᠎ᠠ ᠳᠤ ᠦᠵᠡᠬᠦᠯᠦᠭᠰᠡᠨ ᠲᠡᠭᠦᠨ ᠤ ᠨᠥᠯᠥᠭᠡ ᠶᠢ ᠦᠨᠡᠯᠡᠨ ᠵᠢᠱᠢᠵᠦ᠂ ᠤᠷᠢᠳᠴᠢᠯᠠᠨ ᠰᠡᠷᠡᠮᠵᠢᠯᠡᠭᠦᠯᠬᠦ᠂ ᠵᠦᠪᠯᠡᠯᠬᠡ ᠦᠭᠬᠦ᠂ ᠦᠨᠡᠯᠡᠨ ᠵᠦᠪᠳᠡᠯᠴᠡᠬᠦ | ᠵᠡᠷᠭᠡ ᠠᠷᠭᠠᠴᠠᠬᠤ ᠠᠵᠢᠯ ᠢ ᠰᠠᠶᠢᠳᠤᠷ ᠬᠢᠵᠦ᠂ ᠠᠵᠤ ᠠᠬᠤᠶᠢᠯᠠᠯ ᠤᠨ ᠭᠠᠳᠠᠭᠠᠳᠤ ᠳᠤ ᠭᠠᠷᠭᠠᠬᠤ ᠳᠤ ᠨᠢ ᠭᠦᠴᠦ ᠨᠡᠮᠡᠷᠢᠯᠡᠨ᠎ᠠ᠃ | 20. ᠬᠠᠤᠯᠢ ᠳᠤ ᠲᠣᠭᠲᠠᠭᠠᠭᠰᠠᠨ ᠰᠢᠯᠭᠠᠨ ᠪᠠᠶᠢᠴᠠᠭᠠᠬᠤ ᠭᠠᠷᠴᠠᠭ ᠠᠴᠠ ᠭᠠᠳᠠᠨᠠᠬᠢ ᠲᠠᠸᠠᠷ ᠲᠤ ᠬᠢᠨᠠᠯᠲᠠ ᠲᠠᠯᠪᠢᠵᠦ ᠰᠤᠭᠤᠴᠢᠨ ᠪᠠᠶᠢᠴᠠᠭᠠᠬᠤ ᠠᠵᠢᠯ ᠢ | ᠰᠠᠶᠢᠲᠤᠷ ᠬᠢᠨ᠎ᠠ᠃ ︽ᠬᠤᠶᠠᠷ ᠢ ᠲᠠᠰᠢᠷᠠᠮ ᠢᠶᠠᠷ ᠭᠦᠢᠴᠡᠳᠬᠡᠵᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠬᠠᠤᠯᠢ ᠳᠤ ᠲᠣᠭᠲᠠᠭᠠᠭᠰᠠᠨ ᠰᠢᠯᠭᠠᠨ ᠪᠠᠶᠢᠴᠠᠭᠠᠬᠤ ᠭᠠᠷᠴᠠᠭ ᠠᠴᠠ ᠭᠠᠳᠠᠨᠠᠬᠢ ᠲᠠᠸᠠᠷ ᠲᠤ ᠬᠢᠨᠠᠯᠲᠠ ᠲᠠᠯᠪᠢᠵᠦ ᠰᠤᠭᠤᠴᠢᠨ ᠪᠠᠶᠢᠴᠠᠭᠠᠬᠤ ᠶᠢ | ᠰᠠᠶᠢᠳᠤᠷ ᠬᠢᠵᠦ᠂ ᠰᠤᠭᠤᠴᠢᠨ ᠪᠠᠶᠢᠴᠠᠭᠠᠬᠤ ᠮᠡᠳᠡᠭᠡ ᠵᠠᠩᠭᠢ ᠶᠢ ᠨᠡᠶᠢᠳᠡ ᠳᠤ ᠵᠠᠷᠯᠠᠬᠤ ᠪᠠ ᠦᠷ᠎ᠡ ᠳ᠋ᠦᠩ ᠢ ᠢᠯᠡ ᠪᠣᠯᠭᠠᠬᠤ ᠪᠠᠨ ᠴᠢᠩᠭᠠᠷᠠᠭᠤᠯᠤᠨ᠎ᠠ᠃ | 21. ᠰᠢᠯᠭᠠᠨ ᠪᠠᠶᠢᠴᠠᠭᠠᠵᠦ ᠬᠢᠵᠢᠭ ᠪᠠᠶᠢᠴᠠᠭᠠᠬᠤ ᠶᠢᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠲᠤ ᠦᠬᠡᠷᠡᠴᠢᠯᠡᠯᠳᠡ ᠬᠢᠨ᠎ᠠ᠃ ᠤᠯᠠᠨ ᠤᠯᠤᠰ ᠤᠨ | ᠠᠷᠠᠯᠵᠢᠶᠠᠨ ᠤ ︽ᠭᠠᠭᠴᠠ ᠴᠤᠩᠬᠤᠪᠴᠢ︾ ᠶᠢᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠲᠦᠭᠰᠢᠭᠦᠷᠢ ᠶᠢ ᠦᠨᠡᠯᠡᠨ ᠵᠢᠱᠢᠬᠦ ᠶᠢᠨ ᠤᠷᠢᠳᠡᠴᠢ | ᠵᠠᠷᠴᠢᠮ ᠢ ᠪᠠᠷᠢᠮᠳᠠᠯᠠᠵᠦ᠂ ᠡᠩ ᠤᠨ ᠲᠦᠭᠰᠢᠭᠦᠷᠢ ᠲᠠᠢ ᠲᠠᠸᠠᠷ ᠲᠤ ᠪᠤᠯ᠂ ᠬᠢᠨᠠᠯᠲᠠ ᠬᠠᠮᠢᠶᠠᠷᠤᠯᠲᠠ ᠶᠢᠨ ᠴᠤᠪᠤᠷᠠᠯ ᠢᠶᠠᠨ ᠰᠢᠯᠢᠳᠡᠭᠵᠢᠬᠦᠯᠦᠨ᠎ᠠ︔ ᠠᠮᠤᠷ ᠲᠦᠪᠰᠢᠨ ᠤ | ᠬᠡᠮ ᠰᠤᠭᠤᠭ ᠪᠠ ᠬᠠᠭᠤᠷᠮᠠᠭ ᠴᠢᠨᠠᠷ ᠮᠠᠭᠤ ᠲᠦᠭᠰᠢᠭᠦᠷᠢ ᠤᠷᠤᠰᠢᠵᠦ ᠪᠠᠶᠢᠭ᠎ᠠ ᠲᠠᠸᠠᠷ ᠲᠤ ᠪᠤᠯ᠂ ᠪᠦᠲᠦᠮᠵᠢᠲᠡᠶ ᠬᠢᠨᠠᠯᠲᠠ ᠬᠠᠮᠢᠶᠠᠷᠤᠯᠲᠠ ᠪᠠᠷ ᠤᠷᠤᠯᠴᠠᠬᠤ ᠶᠢ | ᠬᠡᠷᠡᠭᠵᠢᠬᠦᠯᠵᠦ᠂ ᠦᠢᠯᠡᠳᠬᠦᠨ ᠤ ᠠᠯᠪᠠᠳᠠᠯᠭᠠᠳᠤ ᠬᠡᠷᠡᠴᠢᠯᠡᠭᠡ ᠶᠢᠨ ᠬᠢᠯᠢ ᠪᠠᠷ ᠤᠷᠤᠬᠤ ᠬᠡᠷᠡᠴᠢ ᠶᠢ ᠨᠢ ᠰᠢᠯᠭᠠᠨ ᠪᠠᠳᠤᠯᠠᠬᠤ ᠬᠢᠨᠠᠯᠳᠠ ᠬᠠᠮᠢᠶᠠᠷᠤᠯᠳᠠ ᠶᠢᠨ ᠲᠦᠷᠢᠮ ᠢ | ᠴᠢᠩᠭ᠎ᠠ ᠬᠡᠷᠡᠭᠵᠢᠬᠦᠯᠦᠨ᠎ᠠ᠃ | 22. ᠭᠤᠷᠪᠠᠳᠠᠬᠢ ᠡᠲᠡᠭᠡᠳ ᠤᠨ ᠰᠢᠯᠭᠠᠨ ᠪᠠᠶᠢᠴᠠᠭᠠᠭᠰᠠᠨ ᠦᠷ᠎ᠡ ᠳ᠋ᠦᠩ ᠳᠤ ᠢᠳᠡᠬᠡᠮᠵᠢᠯᠡᠭᠰᠡᠨ ᠬᠠᠮᠢᠶᠠᠷᠤᠯᠲᠠ ᠶᠢ ᠲᠦᠷᠬᠡᠳᠬᠡᠨ ᠲᠡᠭᠦᠯᠳᠡᠷᠵᠢᠬᠦᠯᠦᠨ᠎ᠠ᠃ | ᠭᠤᠷᠪᠠᠳᠠᠬᠢ ᠡᠲᠡᠭᠡᠳ ᠤᠨ ᠰᠢᠯᠭᠠᠨ ᠪᠠᠶᠢᠴᠠᠭᠠᠭᠰᠠᠨ ᠦᠷ᠎ᠡ ᠳ᠋ᠦᠩ ᠳᠤ ᠢᠳᠡᠬᠡᠮᠵᠢᠯᠡᠭᠰᠡᠨ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠲᠠᠸᠠᠷ ᠤᠨ | ᠬᠡᠪᠴᠢᠶ᠎ᠡ ᠶᠢ ᠠᠯᠬᠤᠮ ᠠᠯᠬᠤᠮ ᠢᠶᠠᠷ ᠦᠷᠬᠡᠳᠬᠡᠵᠦ᠂ ᠰᠢᠯᠭᠠᠨ ᠪᠠᠶᠢᠴᠠᠭᠠᠵᠤ ᠬᠢᠨᠠᠨ ᠲᠣᠭᠲᠠᠭᠠᠬᠤ ᠪᠠᠶᠢᠭᠤᠯᠤᠮᠵᠢ ᠨᠤᠭᠤᠳ ᠢ ᠵᠤᠷᠢᠨᠨᠵᠢᠭᠤᠯᠵᠦ ᠲᠦᠭᠰᠢᠭᠦᠷᠢ ᠶᠢ | ᠬᠢᠨᠠᠨ ᠰᠢᠨᠵᠢᠬᠦ ᠪᠦᠲᠦᠮᠵᠢᠲᠦ ᠴᠢᠨᠠᠷ ᠤᠨ ᠦᠨᠡᠯᠡᠯᠳᠡ ᠳᠤ ᠤᠷᠤᠯᠴᠠᠭᠤᠯᠤᠨ᠎ᠠ᠃ ᠠᠵᠢᠯ ᠬᠡᠷᠡᠭ ᠤᠨ ᠳᠤᠮᠳᠠᠬᠢ ᠪᠠ ᠠᠵᠢᠯ ᠬᠡᠷᠡᠭ ᠤᠨ ᠳᠠᠷᠠᠭᠠᠬᠢ ᠬᠢᠨᠠᠯᠲᠠ | ᠬᠠᠮᠢᠶᠠᠷᠤᠯᠲᠠ᠂ ᠬᠠᠷᠢᠭᠤᠴᠠᠯᠭ᠎ᠠ ᠨᠡᠬᠡᠮᠵᠢᠯᠡᠬᠦ ᠪᠠ ᠲᠣᠭᠲᠠᠭᠠᠯ ᠠᠴᠠ ᠵᠥᠷᠢᠴᠡᠭᠰᠡᠨ ᠮᠡᠳᠡᠭᠡ ᠵᠠᠩᠭᠢ ᠶᠢ ᠢᠯᠡᠴᠢᠯᠡᠬᠦ ᠪᠠᠨ ᠴᠢᠩᠭᠠᠷᠠᠭᠤᠯᠵᠦ᠂ ᠵᠠᠬ᠎ᠠ ᠳᠡᠯᠭᠡᠭᠦᠷ ᠠᠴᠠ | ᠪᠤᠴᠠᠭᠠᠨ ᠭᠠᠷᠭᠠᠬᠤ ᠲᠣᠭᠲᠠᠴᠠ ᠶᠢ ᠲᠡᠭᠦᠯᠳᠡᠷᠵᠢᠬᠦᠯᠦᠨ᠎ᠠ᠃ | 23. ᠶᠠᠰᠤ ᠴᠢᠨᠠᠷ ᠤᠨ ᠠᠮᠤᠷ ᠲᠦᠪᠰᠢᠨ ᠤ ᠮᠦᠷᠳᠡᠨ ᠤᠬᠤᠴᠢᠯᠠᠬᠤ ᠬᠠᠮᠢᠶᠠᠷᠤᠯᠳᠠ ᠶᠢ ᠠᠬᠢᠭᠤᠯᠤᠨ᠎ᠠ᠃ ᠠᠵᠤ ᠠᠬᠤᠶᠢᠯᠠᠯ ᠤᠳ ᠤᠨ ᠶᠠᠰᠤ ᠴᠢᠨᠠᠷ ᠤᠨ | ᠠᠮᠤᠷ ᠲᠦᠪᠰᠢᠨ ᠤ ᠮᠦᠷᠳᠡᠨ ᠤᠬᠤᠴᠢᠯᠠᠬᠤ ᠰᠢᠰᠲ᠋ᠧᠮᠵᠢ ᠪᠠᠨ ᠠᠯᠬᠤᠮ ᠠᠯᠬᠤᠮ ᠢᠶᠠᠷ ᠲᠡᠭᠦᠯᠳᠡᠷᠵᠢᠬᠦᠯᠬᠦ ᠶᠢ ᠵᠤᠷᠢᠨᠨᠵᠢᠭᠤᠯᠤᠨ᠎ᠠ᠃ ᠬᠡᠷᠡᠭᠯᠡᠭᠡᠨ ᠤ ᠵᠦᠢᠯ᠂ | ᠢᠳᠡᠭᠡᠨ ᠤ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠵᠡᠷᠭᠡ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠭᠤᠣᠯᠳᠠᠯᠭ᠎ᠠ ᠲᠠᠢ ᠲᠠᠸᠠᠷ ᠲᠤ ᠡᠬᠢ | ᠡᠭᠦᠰᠦᠯ ᠢ ᠨᠢ ᠮᠦᠷᠳᠡᠬᠦ ᠲᠤᠷᠰᠢᠯᠲᠠ ᠶᠢ ᠦᠷᠨᠢᠬᠦᠯᠬᠦ ᠶᠢᠨ ᠬᠠᠮᠳᠤ᠂ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠪᠤᠰᠤᠳ ᠭᠤᠣᠯᠳᠠᠯᠭ᠎ᠠ ᠲᠠᠢ | ᠭᠦᠷᠢᠶ᠎ᠡ ᠴᠠᠷᠠᠭ᠎ᠠ ᠳᠤ ᠠᠯᠬᠤᠮ ᠠᠯᠬᠤᠮ ᠢᠶᠠᠷ ᠲᠡᠯᠬᠡᠷᠡᠭᠦᠯᠦᠨᠠ᠃ ᠮᠦᠷᠳᠡᠨ ᠤᠬᠤᠴᠢᠯᠠᠬᠤ ᠬᠡᠯᠬᠢᠶᠡᠰᠦ ᠶᠢ ᠠᠯᠬᠤᠮ ᠠᠯᠬᠤᠮ ᠢᠶᠠᠷ ᠤᠷᠳᠤᠳᠬᠠᠵᠦ᠂ ᠡᠬᠢ | ᠡᠭᠦᠰᠦᠯ ᠢ ᠨᠢ ᠮᠦᠷᠳᠡᠬᠦ ᠤᠯᠠᠨ ᠨᠡᠶᠢᠲᠡ ᠶᠢᠨ ᠦᠢᠯᠡᠴᠢᠯᠡᠭᠡᠨ ᠤ ᠲᠤᠷᠰᠢᠯᠲᠠ ᠶᠢ ᠦᠷᠨᠢᠬᠦᠯᠦᠨ᠎ᠠ᠃ | ᠭᠤᠷᠪᠠ᠂ ᠪᠠᠳᠤᠯᠠᠬᠤ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠵᠦ ᠤᠳᠤᠷᠢᠳᠬᠤ ᠪᠠᠨ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠤᠨ ᠠᠮᠤᠷ ᠲᠦᠪᠰᠢᠨ ᠤ | ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠬᠢᠨᠠᠯᠳᠠ ᠬᠠᠮᠢᠶᠠᠷᠤᠯᠳᠠ ᠶᠢᠨ ᠰᠢᠰᠲ᠋ᠧᠮᠵᠢ ᠶᠢᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ | ᠲᠦᠷᠢᠮ ᠢ ᠪᠠᠶᠢᠭᠤᠯᠵᠤ᠂ ᠪᠦᠬᠦ ᠣᠷᠣᠨ ᠤ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠲᠠᠸᠠᠷ ᠤᠨ ᠶᠠᠰᠤ ᠴᠢᠨᠠᠷ ᠤᠨ ᠠᠮᠤᠷ ᠲᠦᠪᠰᠢᠨ ᠤ | ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠬᠢᠨᠠᠯᠳᠠ ᠬᠠᠮᠢᠶᠠᠷᠤᠯᠳᠠ ᠶᠢᠨ ᠰᠢᠰᠲ᠋ᠧᠮᠵᠢ ᠶᠢᠨ ᠠᠵᠢᠯ ᠢ ᠨᠠᠶᠢᠳᠠᠪᠤᠷᠢᠵᠢᠭᠤᠯᠬᠤ᠂ ᠵᠤᠬᠢᠴᠠᠭᠤᠯᠬᠤ᠂ ᠰᠢᠮᠳᠠᠭᠤᠯᠤᠨ | ᠪᠠᠶᠢᠴᠠᠭᠠᠬᠤ ᠶᠢ ᠨᠢᠬᠡᠳᠦᠯᠳᠡᠢ ᠲᠦᠯᠦᠪᠯᠡᠨ ᠠᠬᠢᠭᠤᠯᠬᠤ ᠶᠢ ᠬᠠᠷᠢᠭᠤᠴᠠᠨ᠎ᠠ᠃ ᠬᠠᠮᠳᠤᠷᠬᠠᠰᠠᠨ ᠬᠤᠷᠠᠯ ᠤᠨ ᠠᠯᠪᠠᠨ ᠬᠡᠷ ᠢ ᠬᠥᠬᠡᠬᠤᠲᠠ ᠪᠣᠭᠤᠮᠲᠠ ᠳᠤ | ᠲᠤᠬᠢᠷᠠᠭᠤᠯᠤᠨ᠎ᠠ᠃ ᠡᠯ᠎ᠡ ᠪᠦᠷᠢᠯᠳᠦᠬᠦᠨ ᠨᠢᠬᠡᠴᠢ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠨᠠᠷᠢᠨ ᠨᠢᠮᠪᠠᠶ ᠵᠣᠬᠢᠶᠠᠨ ᠪᠠᠶᠢᠭᠤᠯᠵᠦ᠂ | ᠨᠢᠭᠲᠠ ᠬᠠᠮᠵᠢᠯᠴᠠᠨ ᠠᠵᠢᠯᠯᠠᠵᠦ᠂ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠦ ᠪᠠᠶᠢᠴᠠᠭᠠᠬᠤ᠂ ᠮᠥᠷᠳᠡᠨ ᠵᠠᠳᠠᠯᠤᠯᠳᠠ | ᠬᠢᠭᠦ ᠪᠠ ᠨᠡᠪᠳᠡᠷᠡᠭᠦᠯᠦᠨ ᠮᠡᠳᠡᠬᠡᠯᠡᠬᠦ ᠪᠠᠨ ᠦᠨᠡᠨ ᠭᠦ ᠴᠢᠩᠭᠠᠳᠬᠠᠨ᠎ᠠ᠃ | ︵ᠬᠤᠶᠠᠷ︶ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠲᠦᠷᠢᠮ ᠤᠨ ᠲᠤᠬᠢᠷᠠᠭᠤᠯᠤᠯᠳᠠ ᠶᠢ ᠦᠨᠡᠨ ᠭᠦ ᠰᠠᠶᠢᠲᠤᠷ ᠬᠢᠵᠦ᠂ ᠭᠠᠳᠠᠭᠠᠳᠤ ᠠᠴᠠ | ᠣᠷᠣᠭᠤᠯᠬᠤ ᠪᠠ ᠭᠠᠳᠠᠭᠠᠳᠤ ᠳᠤ ᠭᠠᠷᠭᠠᠬᠤ ᠲᠠᠸᠠᠷ ᠤᠨ ᠶᠠᠰᠤ ᠴᠢᠨᠠᠷ ᠤᠨ ᠠᠮᠤᠷ ᠲᠦᠪᠰᠢᠨ ᠤ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠤᠨ | ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠢᠯᠡᠳᠪᠦᠷᠢᠯᠡᠯ ᠡᠵᠡᠩᠨᠡᠭᠴᠢ ᠪᠠ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠶᠢᠨ ᠬᠡᠷᠡᠴᠢᠯᠡᠬᠦ | ᠪᠠᠶᠢᠭᠤᠯᠤᠮᠵᠢ ᠨᠤᠭᠤᠳ ᠤᠨ ᠲᠦᠭᠰᠢᠭᠦᠷᠢ ᠶᠢᠨ ᠮᠡᠳᠡᠭᠡ ᠵᠠᠩᠭᠢ ᠶᠢ ᠮᠡᠳᠡᠬᠦᠯᠬᠦ ᠵᠢᠴᠢ ᠲᠦᠭᠰᠢᠭᠦᠷᠢ ᠶᠢ ᠠᠷᠢᠯᠭᠠᠨ ᠪᠠᠭᠠᠰᠬᠠᠬᠤ ᠵᠡᠷᠭᠡ ᠡᠭᠦᠷᠭᠡ ᠪᠠᠨ ᠭᠦᠢᠴᠡᠳᠬᠡᠬᠦ ᠶᠢ | ᠲᠤᠳᠤᠷᠬᠠᠶᠢᠯᠠᠵᠦ᠂ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠥᠴᠢᠷ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠬᠦᠯᠬᠦ ᠪᠠ ᠲᠦᠷᠭᠡᠨ ᠳᠤᠰᠬᠠᠬᠤ ᠵᠡᠷᠭᠡ ᠡᠭᠦᠷᠬᠡ | ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠳᠤᠯᠠᠨ᠎ᠠ᠃ | ︵ᠭᠤᠷᠪᠠ︶ ᠵᠠᠷᠤᠳᠠᠯ ᠤᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ᠎ᠠ᠃ ᠤᠳᠤ ᠶᠢᠨ ᠪᠠᠶᠢᠭ᠎ᠠ ᠪᠡᠯᠡ ᠮᠥᠩᠭᠦ ᠶᠢᠨ ᠠᠷᠭ᠎ᠠ ᠵᠠᠮ ᠢ ᠨᠢᠬᠡᠳᠦᠯᠳᠡᠢ ᠲᠦᠯᠦᠪᠯᠡᠵᠦ᠂ | ᠪᠡᠯᠡ ᠮᠦᠩᠭᠦ ᠣᠷᠣᠭᠤᠯᠬᠤ ᠡᠷᠴᠢᠮ ᠢᠶᠠᠨ ᠴᠢᠩᠭᠠᠷᠠᠭᠤᠯᠤᠨ᠂ ᠪᠣᠭᠤᠮᠲᠠ ᠶᠢᠨ ᠪᠠᠶᠢᠴᠠᠭᠠᠨ ᠰᠢᠯᠭᠠᠬᠤ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠲᠠ ᠶᠢ ᠴᠢᠩᠭᠠᠳᠬᠠᠵᠤ | ᠂ ᠶᠠᠰᠤ ᠴᠢᠨᠠᠷ ᠤᠨ ᠠᠮᠤᠷ ᠲᠦᠪᠰᠢᠨ ᠤ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠬᠢᠨᠠᠯᠳᠠ ᠬᠠᠮᠢᠶᠠᠷᠤᠯᠳᠠ ᠶᠢᠨ ᠠᠵᠢᠯ ᠤᠨ ᠦᠷᠨᠢᠬᠦ ᠶᠢ ᠦᠨᠡᠨ ᠭᠦ | ᠪᠠᠳᠤᠯᠠᠨ᠎ᠠ᠃ ᠡᠳ᠋ ᠤᠨ ᠵᠠᠰᠠᠭ ᠤᠨ ᠠᠵᠢᠯ ᠶᠠᠪᠤᠳᠠᠯ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠠᠷᠢᠯᠴᠠᠨ ᠲᠤᠬᠢᠷᠠᠯᠴᠬᠠᠰᠠᠨ ᠵᠠᠷᠤᠳᠠᠯ ᠤᠨ | ᠪᠠᠳᠤᠯᠠᠭ᠎ᠠ ᠶᠢᠨ ᠲᠣᠭᠲᠠᠴᠠ ᠶᠢ ᠪᠠᠶᠢᠭᠤᠯᠵᠤ᠂ ᠬᠠᠮᠢᠶ᠎ᠠ ᠪᠦᠬᠦᠢ ᠵᠠᠷᠤᠳᠠᠯ ᠢ ᠡᠳ᠋ ᠤᠨ ᠵᠠᠰᠠᠭ ᠤᠨ ᠲᠥᠰᠦᠪ ᠲᠤ ᠤᠷᠤᠭᠤᠯᠤᠨ᠂ ᠲᠥᠰᠦᠪ ᠤᠨ ᠠᠮᠵᠢᠯᠲᠠ | ᠪᠦᠲᠦᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠪᠡᠯᠡ ᠮᠥᠩᠭᠦ ᠶᠢ ᠬᠡᠷᠡᠭᠯᠡᠬᠦ ᠦᠷ᠎ᠡ ᠠᠰᠢᠭ ᠢᠶᠠᠨ ᠲᠡᠬᠡᠭᠰᠢᠯᠡᠬᠦᠯᠦᠨ᠎ᠠ᠃ | ︵ᠳᠥᠷᠪᠡ︶ ᠤᠬᠠᠭᠤᠯᠵᠤ ᠬᠥᠲᠥᠯᠦᠨ ᠵᠢᠯᠣᠭᠤᠳᠬᠤ ᠶᠢ ᠰᠠᠶᠢᠲᠤᠷ ᠬᠢᠬᠦ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠣᠯᠠᠨ | ᠵᠦᠢᠯ ᠤᠨ ᠬᠡᠯᠪᠡᠷᠢ ᠶᠢ ᠭᠦᠢᠴᠡᠳ ᠠᠰᠢᠨᠨᠯᠠᠵᠦ᠂ ᠴᠢᠬᠤᠯᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠭᠠᠷᠭᠠᠬᠤ ᠪᠠ ᠱᠠᠳᠤᠴᠢ ᠴᠢᠨᠠᠷᠲᠠᠶ ᠦᠷ᠎ᠡ ᠪᠦᠲᠦᠮᠵᠢ ᠶᠢ | ᠤᠬᠠᠭᠤᠯᠬᠤ ᠡᠷᠴᠢᠮ ᠢᠶᠠᠨ ᠨᠡᠮᠡᠭᠳᠡᠬᠦᠯᠵᠦ᠂ ᠨᠡᠶᠢᠬᠡᠮ ᠤᠨ ᠨᠡᠶᠢᠳᠡ ᠤᠯᠠᠨ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠥᠭᠡᠷᠡᠴᠢᠯᠡᠯᠲᠡ ᠳᠤ | ᠤᠷᠤᠯᠴᠠᠭᠤᠯᠬᠤ ᠬᠡᠷᠡᠭᠳᠡᠢ᠃ ᠶᠠᠰᠤ ᠴᠢᠨᠠᠷ ᠢ ᠲᠡᠬᠡᠭᠰᠢᠯᠡᠬᠦᠯᠬᠦ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠨᠡᠶᠢᠳᠡ ᠤᠯᠠᠨ ᠤ ᠬᠠᠤᠯᠢ ᠶᠣᠰᠣᠭᠠᠷ ᠡᠷᠬᠡ | ᠠᠰᠢᠭ ᠢᠶᠠᠨ ᠬᠠᠮᠠᠭᠠᠯᠠᠬᠤ᠂ ᠤᠬᠠᠮᠵᠢᠳᠠᠢ ᠪᠠᠷ ᠬᠡᠷᠡᠭᠯᠡᠭᠡ ᠬᠢᠬᠦ ᠴᠢᠳᠠᠪᠤᠷᠢ ᠶᠢ ᠨᠢ ᠲᠡᠬᠡᠭᠰᠢᠯᠡᠬᠦᠯᠵᠦ᠂ ᠨᠡᠶᠢᠭᠡᠮ ᠳᠠᠶᠠᠭᠠᠷ ᠢᠶᠠᠷ ᠢᠶᠠᠨ ᠴᠢᠬᠤᠯᠠᠴᠢᠯᠠᠭᠰᠠᠨ᠂ | ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠲᠠᠸᠠᠷ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢ ᠲᠡᠮᠵᠢᠭᠰᠡᠨ ᠰᠠᠶᠢᠨ ᠰᠠᠶᠢᠬᠠᠨ ᠠᠭᠤᠷ ᠠᠮᠢᠰᠬᠤᠯ ᠢ | ᠪᠣᠶ ᠪᠤᠯᠭᠠᠬᠤ ᠬᠡᠷᠡᠭᠳᠡᠢ᠃ | |