ᠢᠳᠡᠰᠢᠨ ᠦᠬᠡᠷ ᠨᠢ ᠪᠦᠳᠦᠭᠦᠯᠢᠭ ᠪᠤᠷᠳᠤᠭ᠎ᠠ᠂ ᠲᠡᠵᠢᠭᠡᠯ ᠡᠪᠡᠰᠦ ᠵᠡᠷᠭᠡ ᠶᠢ ᠢᠳᠡᠰᠢᠯᠡᠬᠦ ᠳᠤ ᠦᠷᠭᠦᠯᠵᠢ ᠭᠠᠵᠠᠷ ᠲᠠᠢ ᠬᠦᠷᠦᠯᠴᠡᠳᠡᠭ ᠠᠴᠠ | ᠰᠢᠩᠭᠡᠭᠡᠯᠲᠡ ᠶᠢᠨ ᠵᠠᠮ ᠨᠢ ᠠᠮᠠᠷᠬᠠᠨ ᠡᠯ᠎ᠡ ᠵᠦᠢᠯ ᠤᠨ ᠤᠳᠠᠰᠤᠯᠢᠭ ᠬᠤᠷᠤᠬᠠᠢ ᠳᠤ ᠬᠠᠯᠳᠠᠪᠤᠷᠢᠯᠠᠭᠳᠠᠨ᠂ ᠪᠡᠶ᠎ᠡ ᠶᠢᠨ ᠭᠠᠳᠠᠷ ᠨᠢ ᠪᠠᠰᠠ ᠪᠦᠭᠡᠰᠦ᠂ ᠬᠠᠴᠢᠭ᠂ | ᠬᠤᠪᠡᠯᠵᠠ᠂ ᠢᠯᠠᠭᠠᠨ ᠤ ᠦᠳᠤ ᠵᠡᠷᠭᠡ ᠮᠦᠯᠵᠢᠭᠦᠷ ᠬᠤᠷᠤᠬᠠᠢ ᠠᠮᠠᠷᠬᠠᠨ ᠬᠠᠯᠳᠠᠪᠤᠷᠢᠯᠠᠬᠤ ᠪᠣᠯᠣᠨ᠎ᠠ᠃ ᠦᠬᠡᠷ ᠤᠨ ᠪᠡᠶ᠎ᠡ ᠨᠢ ᠮᠦᠯᠵᠢᠭᠦᠷ ᠬᠤᠷᠤᠬᠠᠢ ᠵᠡᠷᠭᠡ ᠳᠤ | ᠬᠦᠩᠭᠡᠨ ᠠᠴᠠ ᠲᠤᠮᠳᠠ ᠵᠡᠷᠭᠡ ᠬᠠᠯᠳᠠᠪᠦᠷᠢᠯᠠᠭᠳᠠᠭᠰᠠᠨ ᠤ ᠲᠠᠷᠠᠭ᠎ᠠ᠂ ᠪᠣᠷᠳᠤᠭ᠎ᠠ ᠶᠢᠨ ᠬᠤᠪᠢᠷᠠᠭᠠᠯᠲᠠ ᠶᠢ ᠨᠦᠯᠦᠭᠡᠯᠡᠬᠦ ᠪᠣᠯᠣᠨ᠎ᠠ᠂ ᠭᠤᠤᠯᠳᠠᠭᠤ ᠢᠳᠡᠭᠡᠨ ᠤ ᠲᠤᠷᠠᠰᠢᠯ | ᠮᠠᠭᠤᠲᠠᠵᠦ᠂ ᠤᠭᠤᠷᠠᠭ ᠪᠠ ᠡᠨᠧᠷᠬᠢ ᠶᠢᠨ ᠠᠰᠢᠭᠯᠠᠮᠵᠢ ᠳᠤᠷᠤᠭᠰᠢᠯᠠᠬᠤ ᠶᠢᠨ ᠤᠯᠠᠮ ᠠᠴᠠ ᠺᠧᠲ᠋ᠤᠨ ᠪᠡᠶ᠎ᠡ ᠶᠢᠨ ᠴᠢᠨᠠᠷ ᠬᠢᠭᠡᠳ ᠬᠦᠨᠳᠤ ᠶᠢᠨ ᠨᠡᠮᠡᠭᠳᠡᠯ ᠢ | ᠨᠦᠯᠦᠭᠡᠯᠡᠵᠦ᠂ ᠢᠳᠡᠰᠢᠨ ᠦᠬᠡᠷ ᠢ ᠲᠡᠵᠢᠭᠡᠬᠦ ᠠᠵᠦ ᠠᠬᠤᠢ ᠶᠢᠨ ᠦᠷ᠎ᠡ ᠠᠰᠢᠭ ᠢ ᠨᠦᠯᠦᠭᠡᠯᠡᠬᠦ ᠪᠣᠯᠣᠨ᠎ᠠ᠃ ᠡᠶᠢᠮᠤ ᠠᠴᠠ᠂ ᠢᠳᠡᠰᠢᠨ ᠦᠬᠡᠷ ᠢ ᠪᠤᠷᠳᠤᠬᠤ ᠠᠴᠠ | ᠡᠮᠦᠨᠡᠬᠢ ᠪᠡᠯᠡᠳᠬᠡᠯ ᠲᠡᠵᠢᠭᠡᠬᠦ ᠬᠤᠭᠤᠴᠠᠭᠠᠨ ᠳᠤ ᠡᠷᠬᠡᠪᠰᠢ ᠬᠤᠷᠤᠬᠠᠢ ᠶᠢ ᠲᠠᠭᠤᠬᠤ ᠭᠡᠷᠡᠭᠳᠡᠢ᠃ ᠬᠤᠷᠤᠬᠠᠢ ᠲᠠᠭᠤᠬᠤ ᠠᠵᠢᠯ ᠢ ᠦᠳᠡ ᠶᠢᠨ ᠬᠤᠶᠢᠨ᠎ᠠ ᠪᠤᠶᠤ ᠰᠥᠨᠢ | ᠶᠠᠪᠤᠭᠳᠠᠭᠤᠯᠤᠨ᠎ᠠ᠂ ᠢᠩᠬᠢᠪᠡᠯ ᠦᠬᠡᠷ ᠳᠠᠷᠠᠭ᠎ᠠ ᠡᠳᠤᠷ ᠨᠢ ᠬᠤᠷᠤᠬᠠᠢ ᠶᠢ ᠭᠠᠳᠠᠭᠰᠢᠯᠠᠭᠤᠯᠤᠭᠠᠳ᠂ ᠬᠤᠷᠤᠬᠠᠢ ᠶᠢ ᠴᠡᠪᠡᠷᠯᠡᠬᠦ ᠳᠤ ᠲᠦᠭᠦᠮ ᠪᠠᠶᠢᠳᠠᠭ᠃ ᠬᠤᠷᠤᠬᠠᠢ | ᠲᠠᠭᠤᠬᠤ ᠠᠵᠢᠯ ᠢ ᠢᠳᠡᠰᠢᠨ ᠦᠬᠡᠷ ᠢ ᠥᠯᠥᠰᠬᠦᠯᠡᠩ ᠦᠶ᠎ᠡ ᠳᠤ ᠶᠠᠪᠤᠭᠳᠠᠭᠤᠯᠵᠤ᠂ ᠡᠮ ᠥᠭᠬᠦ ᠠᠴᠠ ᠡᠮᠦᠨ᠎ᠡ ᠬᠠᠮᠤᠭ ᠰᠠᠶᠢᠨ ᠨᠢ ᠬᠡᠳᠦᠨ ᠴᠠᠭ ᠲᠡᠵᠢᠭᠡᠬᠦ ᠶᠢ | ᠵᠤᠭᠰᠤᠭᠠᠵᠣ᠂ ᠵᠦᠪᠬᠡᠨ ᠤᠰᠤ ᠤᠤᠭᠤᠯᠭᠠᠪᠠᠯ᠂ ᠡᠮ ᠤᠨ ᠰᠢᠩᠭᠡᠬᠦ ᠳᠤ ᠠᠰᠢᠭᠲᠠᠢ ᠮᠦᠷᠲᠡᠭᠡᠨ ᠡᠮ ᠤᠨ ᠬᠦᠴᠦ ᠶᠢ ᠳᠡᠭᠡᠭᠰᠢᠯᠡᠭᠦᠯᠵᠦ ᠴᠢᠳᠠᠨ᠎ᠠ᠃ ᠬᠤᠷᠤᠬᠠᠢ ᠶᠢ | ᠲᠠᠭᠤᠭᠰᠠᠨ ᠤ ᠲᠠᠷᠠᠭ᠎ᠠ᠂ ᠢᠳᠡᠰᠢᠨ ᠦᠬᠡᠷ ᠢ ᠬᠤᠶᠠᠷ ᠭᠠᠷᠠᠭ ᠲᠤᠰᠠᠭᠠᠷᠯᠠᠵᠤ ᠲᠡᠵᠢᠭᠡᠨ᠂ ᠪᠠᠭᠠᠰᠦ ᠢᠯᠭᠠᠳᠠᠰᠤ ᠶᠢ ᠨᠢ ᠠᠷᠢᠭᠤᠳᠬᠠᠵᠦ᠂ ᠬᠤᠣᠷ ᠦᠭᠡᠶᠢᠲᠡᠭᠦᠯᠦᠨ | ᠰᠢᠢᠳᠪᠦᠷᠢᠯᠡᠨ᠎ᠡ᠃ | ᠰᠢᠨ᠎ᠡ ᠤᠷᠤᠭᠤᠯᠤᠭᠰᠠᠨ ᠢᠳᠡᠰᠢᠨ ᠦᠬᠡᠷ ᠨᠢ ᠤᠷᠴᠢᠨ ᠲᠤᠭᠤᠷᠢᠨ ᠤ ᠬᠤᠪᠢᠷᠠᠯᠲᠠ᠂ ᠵᠦᠭᠡᠭᠡᠪᠦᠷᠢᠯᠡᠬᠦ᠂ ᠠᠶᠤᠵᠤ ᠰᠤᠴᠢᠬᠤ ᠵᠡᠷᠭᠡ ᠰᠢᠯᠲᠠᠭᠠᠨ ᠠᠴᠠ | ᠠᠮᠠᠷᠬᠠᠨ ᠰᠡᠷᠡᠯᠵᠢᠬᠦ ᠤᠷᠪᠠᠯ ᠡᠭᠦᠰᠦᠨ᠎ᠡ᠂ ᠡᠭᠦᠨ ᠳᠤ ᠤᠤᠭᠤᠬᠤ ᠤᠰᠤᠨ ᠳᠤᠨᠢ ᠪᠠᠭ᠎ᠠ ᠬᠡᠮᠵᠢᠶᠡᠨ ᠤ ᠬᠤᠭᠤᠯᠠᠨ ᠤ ᠲᠠᠪᠤᠰᠤ ᠪᠠ ᠤᠯᠠᠭᠠᠨ ᠰᠢᠬᠢᠷ ᠬᠢᠵᠦ | ᠦᠷᠬᠦᠯᠵᠢᠯᠡᠨ ᠨᠢᠭᠡ ᠭᠠᠷᠠᠭ ᠤᠰᠤᠯᠠᠬᠤ ᠪᠦᠭᠡᠳ ᠬᠥᠬᠡ ᠡᠪᠡᠰᠦ ᠪᠤᠶᠤ ᠬᠥᠬᠡ ᠬᠠᠭᠤᠷᠠᠢ ᠡᠪᠡᠰᠦ ᠪᠠᠷ ᠢᠯᠡᠭᠦᠦ ᠲᠡᠵᠢᠭᠡᠵᠦ᠂ 2 ᠡᠳᠤᠷ ᠪᠣᠯᠣᠭᠰᠠᠨ ᠤ ᠰᠡᠭᠦᠯᠡᠷ | ᠪᠠᠭ᠎ᠠ ᠬᠡᠮᠵᠢᠶᠡᠨ ᠤ ᠬᠡᠪᠡᠭ ᠨᠡᠮᠡᠵᠦ ᠢᠳᠡᠭ ᠢᠳᠡᠭ ᠢᠶᠠᠷ ᠰᠢᠯᠵᠢᠭᠦᠯᠦᠨ᠎ᠡ᠂ ᠦᠬᠡᠷ ᠤᠨ ᠰᠦᠷᠦᠭ ᠤᠨ ᠢᠳᠡᠰᠢᠯᠡᠬᠦ᠂ ᠪᠠᠭᠠᠬᠤ ᠢᠯᠭᠠᠳᠠᠰᠤ ᠬᠢᠭᠡᠳ ᠴᠤᠭ | ᠰᠦᠯᠳᠡ ᠶᠢᠨ ᠪᠠᠶᠢᠳᠠᠯ ᠢ ᠠᠩᠬᠠᠷᠴᠦ ᠠᠵᠢᠭᠯᠠᠨ᠂ ᠪᠦᠬᠦ᠋ᠢᠯᠡ ᠦᠬᠡᠷ ᠤᠨ ᠰᠦᠷᠦᠭ ᠪᠦᠷ ᠲᠤᠭᠳᠠᠭᠤᠨ ᠪᠤᠯᠤᠭᠰᠠᠨ ᠤ ᠲᠠᠷᠠᠭ᠎ᠠ ᠰᠠᠶ᠋ᠢ ᠬᠤᠷᠤᠬᠠᠢ ᠲᠠᠭᠤᠬᠤ ᠪᠤᠶᠤ | ᠬᠤᠳᠤᠭᠤᠳᠤ ᠶᠢ ᠰᠠᠶᠢᠵᠢᠷᠠᠭᠤᠯᠤᠨ᠎ᠠ᠃ | ᠬᠤᠷᠤᠬᠠᠢ ᠲᠠᠭᠤᠬᠤ᠄ ᠤᠳᠤᠬᠠᠨ ᠳᠤ᠂ ᠬᠤᠷᠤᠬᠠᠢ ᠲᠠᠭᠤᠬᠤ ᠡᠮ ᠤᠨ ᠲᠦᠷᠦᠯ ᠵᠦᠢᠯ ᠲᠤᠩ ᠤᠯᠠᠨ ᠪᠠᠶᠢᠵᠤ᠂ ᠠ ᠹᠦ᠋ ᠮᠢ ᠳ᠋ᠢᠩ ︵阿弗米丁 | ︶᠂ ᠫᠡᠷᠤᠫᠢᠯ ᠬᠦᠬᠦᠷᠳᠤ ᠪᠧᠨ᠋ᠽᠸᠡ ᠢᠮᠢᠳᠠᠽᠤᠯ ︵丙硫苯咪唑︶᠂ ᠳ᠋ᠢ ᠪᠠᠢ ᠴᠦᠩ ︵敌百虫︶᠂ ᠵᠡᠭᠦᠨᠰᠢ ᠡᠷᠭᠢᠯᠭᠡᠳᠦ | ᠢᠮᠢᠳᠠᠽᠤᠯ ︵左旋咪唑︶ ᠵᠡᠷᠭᠡ ᠶᠢ ᠪᠠᠶᠢᠩᠭᠤ ᠬᠡᠷᠡᠭᠯᠡᠵᠦ ᠪᠠᠶᠢᠨ᠎ᠠ᠃ ᠴᠦᠩ ᠺᠧ ᠰᠢᠩ ︵ᠠ ᠸᠧᠢ ᠪᠠᠺᠲ᠋ᠧᠷᠢ ᠶᠢᠨ ᠡᠳ᠋︶ ︵虫克星 ︵阿 | 菌维素︶︶ ᠢᠶᠠᠷ ᠬᠤᠷᠤᠬᠠᠢ ᠲᠠᠭᠤᠬᠤ ᠲᠠᠷᠢᠭᠦᠨ ᠰᠤᠩᠭᠤᠯᠲᠠ ᠡᠮ ᠪᠤᠯᠭᠠᠵᠦ ᠪᠤᠯᠤᠨ᠎ᠠ᠂ ᠲᠤᠰ ᠡᠮ ᠨᠢ ᠮᠠᠯ ᠵᠢᠭᠦᠷᠲᠡᠨ ᠤ ᠪᠡᠶ᠎ᠡ ᠲᠤᠳᠤᠷᠠᠬᠢ ᠬᠡᠳᠤᠨ | ᠠᠷᠪᠠᠨ ᠵᠦᠢᠯ ᠤᠨ ᠤᠲᠠᠰᠤᠯᠢᠭ ᠬᠤᠷᠤᠬᠠᠢ ᠬᠢᠭᠡᠳ ᠪᠠᠶ᠎ᠡ ᠶᠢᠨ ᠭᠠᠳᠠᠨᠠᠬᠢ ᠪᠦᠭᠡᠰᠦ᠂ ᠬᠠᠴᠢᠭ᠂ ᠬᠤᠪᠡᠯᠵᠠ᠂ ᠢᠯᠠᠭᠠᠨ ᠤ ᠦᠳᠤ ᠵᠡᠷᠭᠡ ᠪᠡᠶ᠎ᠡ ᠶᠢᠨ ᠳᠤᠲᠣᠷ | ᠭᠠᠳᠠᠨᠠᠬᠢ ᠮᠦᠯᠵᠢᠭᠦᠷ ᠬᠤᠷᠤᠬᠠᠢ ᠶᠢ ᠠᠯᠠᠬᠤ ᠳᠤ ᠪᠦᠷ ᠰᠠᠶᠢᠨ ᠪᠠᠶᠢᠳᠠᠭ᠃ ᠠᠳᠠᠯᠢ ᠪᠤᠰᠤ ᠡᠮ ᠤᠨ ᠬᠡᠯᠪᠡᠷᠢ ᠶᠢ ᠦᠨᠳᠤᠰᠤᠯᠡᠵᠦ ᠤᠤᠭᠤᠯᠭᠠᠬᠤ᠂ ᠴᠢᠳᠬᠤᠨ | ᠤᠤᠭᠤᠯᠭᠠᠬᠤ ᠪᠠ ᠠᠷᠠᠰᠦᠨ ᠲᠤᠤᠷ᠎ᠠ ᠲᠠᠷᠢᠨ᠎ᠠ᠃ ᠬᠡᠷᠡᠭᠯᠡᠬᠦ ᠬᠡᠮᠵᠢᠶ᠎ᠡ ᠶᠢ 3 ᠺᠢᠯᠤᠭ᠍ᠷᠡᠮ ᠪᠦᠷᠢ ᠪᠠᠶ᠎ᠡ ᠶᠢᠨ ᠬᠦᠨᠳᠤ ᠳᠤ 10 ᠮᠢᠯᠢᠭᠷᠡᠮ ᠪᠠᠶᠢᠯᠭᠠᠵᠦ᠂ ᠴᠢᠳᠬᠤᠨ | ᠤᠤᠭᠤᠯᠭᠠᠬᠤ ᠪᠤᠶᠤ ᠪᠤᠷᠳᠤᠭᠠᠨ ᠳᠤ ᠬᠤᠯᠢᠵᠤ ᠢᠳᠡᠭᠦᠯᠦᠨ᠎ᠡ᠃ ᠬᠦᠵᠦᠭᠦᠨ ᠤ ᠠᠷᠠᠰᠦᠨ ᠲᠤᠤᠷ᠎ᠠ ᠪᠣᠯ 10 ᠺᠢᠯᠤᠭ᠍ᠷᠡᠮ ᠪᠡᠶ᠎ᠡ ᠶᠢᠨ ᠬᠦᠨᠳᠤ ᠳᠤ 0.2 ᠮᠢᠯᠢᠯᠢᠲᠷ | ᠲᠠᠷᠢᠨ᠎ᠠ᠃ | ᠪᠠᠶᠢᠩᠭᠤ ᠬᠡᠷᠡᠭᠯᠡᠬᠦ ᠠ ᠸᠧᠢ ᠪᠠᠺᠲ᠋ᠧᠷᠢ ᠶᠢᠨ ᠡᠳ᠋ ︵阿维菌素︶᠂ ᠢ ᠸᠧᠢ ᠪᠠᠺᠲ᠋ᠧᠷᠢ ᠶᠢᠨ ᠡᠳ᠋ ︵伊维菌素︶ ᠵᠡᠷᠭᠡ ᠡᠮ ᠢᠶᠠᠷ | ᠢᠳᠡᠰᠢᠨ ᠦᠬᠡᠷ ᠤᠨ ᠬᠤᠷᠤᠬᠠᠢ ᠶᠢ ᠲᠠᠭᠤᠬᠤ ᠳᠤ ᠬᠤᠳᠠᠯᠳᠤᠨ ᠠᠪᠤᠭᠰᠠᠨ ᠬᠤᠷᠤᠬᠠᠢ ᠲᠠᠭᠤᠬᠤ ᠡᠮ ᠤᠨ ᠠᠭᠤᠯᠤᠡᠡᠳᠠᠴᠠ ᠨᠢ ᠲᠣᠭᠲᠠᠭᠰᠠᠨ ᠪᠠᠷᠢᠮᠵᠢᠶᠡᠨ ᠳᠤ | ᠬᠦᠷᠬᠦ ᠦᠬᠡᠢ ᠠᠴᠠ ᠬᠤᠷᠤᠬᠠᠢ ᠲᠠᠭᠤᠬᠤ ᠦᠷ᠎ᠡ ᠳ᠋ᠦᠩ ᠨᠢ ᠮᠠᠭᠤ ᠪᠣᠯᠪᠠ ᠭᠡᠵᠦ ᠮᠠᠰᠢ ᠤᠯᠠᠨ ᠦᠬᠡᠷ ᠲᠡᠵᠢᠭᠡᠬᠦ ᠡᠷᠦᠬᠡ ᠳᠤᠰᠬᠠᠭᠰᠠᠨ ᠪᠠᠶᠢᠨ᠎ᠠ᠃ ᠬᠡᠷᠪᠡ ᠡᠶᠢᠮᠦ | ᠪᠠᠶᠢᠪᠠᠯ᠂ ᠪᠤᠷᠳᠤᠬᠤ ᠢᠳᠡᠰᠢᠨ ᠦᠬᠡᠷ ᠤᠨ ᠪᠡᠶ᠎ᠡ ᠲᠤᠲᠤᠷᠠᠬᠢ ᠬᠤᠷᠤᠬᠠᠢ ᠶᠢ ᠲᠠᠭᠤᠬᠤ ᠳᠤ ᠫᠡᠷᠤᠫᠠ ᠬᠦᠬᠦᠷᠲᠦ ᠢᠮᠢᠳᠠᠽᠤᠯ ︵丙硫咪唑︶ ᠢ ᠬᠡᠷᠡᠭᠯᠡᠵᠦ | ᠪᠤᠯᠤᠨ᠎ᠠ᠂ ᠨᠢᠭᠡ ᠤᠳᠠᠭ᠎ᠠ ᠳᠤ ᠤᠤᠭᠤᠯᠭᠠᠬᠤ ᠬᠡᠮᠵᠢᠶ᠎ᠡ ᠶᠢ ᠺᠢᠯᠤᠭ᠍ᠷᠡᠮ ᠪᠦᠷᠢ ᠪᠡᠶ᠎ᠡ ᠶᠢᠨ ᠬᠦᠨᠳᠤ ᠳᠤ 10 ᠮᠢᠯᠢᠭᠷᠡᠮ ᠪᠠᠶᠢᠯᠭᠠᠬᠤ ᠪᠤᠶᠤ ᠲᠠᠪᠤᠰᠤᠨ ᠬᠦᠴᠢᠯ ᠤᠨ | ᠵᠡᠭᠦᠨᠰᠢ ᠡᠷᠭᠢᠯᠭᠡᠲᠦ ᠢᠮᠢᠳᠠᠽᠤᠯ ︵盐酸左旋咪唑︶ ᠢ ᠦᠯᠦᠨ ᠢᠶᠠᠷ ᠺᠢᠯᠤᠭ᠍ᠷᠡᠮ ᠪᠦᠷᠢ ᠪᠡᠶ᠎ᠡ ᠶᠢᠨ ᠬᠦᠨᠳᠤ ᠳᠤ7.5~10 ᠮᠢᠯᠢᠭᠷᠡᠮ | ᠤᠤᠭᠤᠯᠭᠠᠨ᠎ᠠ᠃ ᠡᠯᠢᠭᠡᠨ ᠢᠯᠲᠠᠰᠤᠨ ᠰᠤᠷᠤᠭᠤᠯᠳᠤ ᠬᠤᠷᠤᠬᠠᠢ ᠲᠠᠢ ᠭᠠᠵᠠᠷ ᠤᠷᠤᠨ ᠳᠤ ᠪᠣᠯ ᠠᠽᠤᠲ ᠬᠦᠴᠢᠯ ᠤᠨ ᠾᠯᠤᠷᠤᠹᠧᠨᠤᠯ ︵硝氯酚︶ ᠵᠡᠷᠭᠡ | ᠡᠮ ᠢᠶᠠᠷ ᠬᠤᠷᠤᠬᠠᠢ ᠶᠢ ᠲᠠᠭᠤᠵᠤ ᠪᠤᠯᠤᠨ᠎ᠠ᠃ ᠡᠭᠦᠨ ᠠᠴᠠ ᠭᠠᠳᠠᠨ᠎ᠠ᠂ ᠲᠤᠨ ᠪᠦᠷᠢ ᠪᠤᠷᠳᠤᠭᠠᠨ ᠳᠤ 0.5 ᠺᠢᠯᠤᠭ᠍ᠷᠡᠮ ᠹᠧᠨᠤᠲᠷᠤᠺᠰᠢᠠ ᠹᠧᠨᠢᠯ ᠠᠽᠤᠯ ︵芬苯 | 达唑︶ ᠢ ᠨᠡᠮᠡᠵᠦ᠂ ᠬᠡᠪ ᠤᠨ ᠲᠡᠵᠢᠭᠡᠬᠦ ᠠᠷᠭ᠎ᠠ ᠪᠠᠷ ᠲᠡᠵᠢᠭᠡᠪᠡᠯ ᠪᠠᠰᠠ ᠢᠳᠡᠰᠢᠨ ᠦᠭᠡᠷ ᠤᠨ ᠪᠡᠶ᠎ᠡ ᠶᠢᠨ ᠳᠤᠲᠣᠷ ᠭᠠᠳᠠᠨᠠᠬᠢ ᠬᠤᠷᠤᠬᠠᠢ ᠶᠢ ᠨᠡᠯᠢᠶᠡᠳ ᠰᠠᠶᠢᠨ | ᠲᠠᠭᠤᠵᠦ ᠴᠢᠳᠠᠨ᠎ᠠ᠃ ᠠᠩᠬᠠᠷᠬᠤ ᠨᠢ᠂ ᠪᠤᠷᠳᠤᠭᠠᠨ ᠳᠤ ᠬᠤᠷᠤᠬᠠᠢ ᠲᠠᠭᠤᠬᠤ ᠡᠮ ᠢ ᠨᠡᠮᠡᠵᠦ ᠲᠡᠵᠢᠭᠡᠬᠦ ᠳᠤ ᠡᠷᠭᠡᠪᠰᠢ ᠵᠢᠭᠳᠡ ᠬᠤᠯᠢᠵᠦ᠂ ᠵᠠᠷᠢᠮ ᠦᠬᠡᠷ ᠤᠨ ᠤᠯᠵᠤ | ᠢᠳᠡᠭᠰᠡᠨ ᠦᠬᠡᠢ ᠠᠴᠠ ᠪᠤᠯᠵᠤ ᠬᠤᠷᠤᠬᠠᠢ ᠲᠠᠭᠤᠬᠤ ᠦᠷ᠎ᠡ ᠳ᠋ᠦᠩ ᠢ ᠨᠦᠯᠦᠭᠡᠯᠡᠬᠦ ᠠᠴᠠ ᠪᠤᠯᠭᠤᠮᠵᠢᠯᠠᠨ᠎ᠠ᠃ | ᠢᠳᠡᠰᠢᠨ ᠦᠬᠡᠷ ᠤᠨ ᠪᠡᠶ᠎ᠡ ᠶᠢᠨ ᠭᠠᠳᠠᠷᠭᠤ ᠳᠠᠬᠢ ᠮᠦᠯᠵᠢᠭᠦᠷ ᠬᠤᠷᠤᠬᠠᠢ ᠶᠢ ᠠᠷᠢᠯᠭᠠᠬᠤ ᠳᠤ ᠦᠷᠭᠦᠯᠵᠢ ᠦᠳᠭᠡᠴᠡ ᠨᠢ 2%~5% ᠶᠢᠨ ᠳ᠋ᠢ ᠪᠠᠢ | ᠴᠦᠩ ︵敌百虫︶ ᠤᠨ ᠠᠭᠤᠰᠤᠮᠠᠯ ᠢ ᠦᠬᠡᠷ ᠤᠨ ᠪᠡᠶ᠎ᠡ ᠳᠡᠭᠡᠷ᠎ᠡ ᠲᠦᠷᠬᠢᠬᠦ ︵ᠦᠬᠡᠷ ᠲᠤ ᠠᠮᠠᠨ ᠰᠢᠩᠬᠡᠯᠢᠭ ᠵᠡᠭᠦᠯᠭᠡᠨ᠎ᠡ︶ ᠪᠤᠶᠤ ᠦᠳᠬᠡᠴᠡ ᠨᠢ 0. | 3% ᠶᠢᠨ ᠬᠡᠳᠤ ᠬᠦᠴᠢᠯᠳᠦ᠋ᠷᠦᠭᠴᠢᠳᠦ ᠡᠲ᠋ᠠ ᠬᠦᠴᠢᠯ ︵过氧乙酸︶ ᠢ ᠦᠬᠡᠷ ᠤᠨ ᠪᠡᠶ᠎ᠡ ᠳᠡᠭᠡᠷ᠎ᠡ ᠰᠦᠷᠴᠢᠵᠦ᠂ ᠲᠠᠬᠢᠨ ᠦᠳᠭᠡᠴᠡ ᠨᠢ 0. | 25% ᠶᠢᠨ ᠬᠠᠴᠢᠭ ᠴᠠᠪᠠᠷ ᠴᠢᠢᠳᠡᠮᠡᠭ ︵螨净乳剂︶ ᠢ ᠦᠬᠡᠷ ᠤᠨ ᠪᠦᠬᠦ ᠪᠡᠶ᠎ᠡ ᠳᠡᠭᠡᠷ᠎ᠡ ᠨᠢᠭᠡ ᠤᠳᠠᠭ᠎ᠠ ᠲᠦᠷᠬᠢᠨ᠎ᠡ᠂ ᠠᠩᠬ᠎ᠠ ᠤᠳᠠᠭ᠎ᠠ ᠡᠮ | ᠬᠡᠷᠡᠭᠯᠡᠭᠡᠳ ᠨᠢᠭᠡ ᠭᠠᠷᠠᠭ ᠪᠣᠯᠪᠠᠯ ᠳᠠᠬᠢᠵᠦ ᠨᠢᠭᠡ ᠤᠳᠠᠭ᠎ᠠ ᠬᠡᠷᠡᠭᠯᠡᠨ᠎ᠡ᠃ ᠪᠤᠳᠠᠳᠠᠢ ᠬᠡᠷᠡᠭᠯᠡᠬᠦ ᠳᠤ ᠠᠩᠬᠠᠷᠬᠤ ᠨᠢ᠂ ᠡᠮ ᠤᠨ ᠬᠡᠷᠡᠭᠯᠡᠬᠦ ᠬᠡᠮᠵᠢᠶ᠎ᠡ ᠶᠢ ᠲᠤᠷ᠎ᠠ ᠪᠠᠷ | ᠨᠡᠮᠡᠭᠳᠡᠭᠦᠯᠵᠦ ᠪᠤᠯᠬᠤ ᠦᠬᠡᠢ᠃ ᠬᠡᠪ ᠤᠨ ᠪᠤᠰᠤ ᠪᠠᠶᠢᠳᠠᠯ ᠢᠯᠡᠷᠡᠪᠡᠯ ᠡᠮ ᠬᠡᠷᠡᠭᠯᠡᠬᠦ ᠪᠠᠨ ᠳᠤᠤᠷ᠎ᠠ ᠨᠢ ᠵᠤᠭᠰᠤᠵᠤ᠂ ᠰᠢᠨᠵᠢ ᠲᠡᠮᠳᠡᠭ ᠨᠢ ᠬᠦᠨᠳᠤ ᠦᠬᠡᠷ ᠢ ᠪᠣᠯ | ᠮᠡᠯ ᠤᠨ ᠡᠮᠴᠢ ᠶᠢ ᠵᠠᠯᠠᠵᠦ ᠭᠡᠮ ᠳᠤᠨᠢ ᠲᠠᠭᠠᠷᠠᠭᠤᠯᠵᠤ ᠵᠠᠰᠠᠨ᠎ᠠ᠃ | ᠬᠤᠷᠤᠬᠠᠢ ᠶᠢ ᠲᠤᠭᠲᠠᠮᠠᠯ ᠬᠤᠭᠤᠴᠠᠭ᠎ᠠ ᠪᠠᠷ ᠲᠠᠭᠤᠵᠦ᠂ ᠶᠡᠷᠦ ᠳᠡᠭᠡᠨ ᠤᠯᠠᠷᠢᠯ ᠪᠦᠷᠢ ᠳᠤ ᠨᠢᠭᠡ ᠤᠳᠠᠭ᠎ᠠ ᠲᠠᠭᠤᠨ᠎ᠠ᠂ ᠬᠠᠮᠤᠭ ᠰᠠᠶᠢᠨ ᠨᠢ ᠫᠡᠷᠤᠫᠠ | ᠬᠦᠬᠦᠷᠲᠦ ᠢᠮᠢᠳᠠᠽᠤᠯ ︵丙硫咪唑︶ ᠪᠠ ᠢ ᠸᠧᠢ ᠪᠠᠺᠲ᠋ᠧᠷᠢ ᠶᠢᠨ ᠡᠳ᠋ ︵伊维菌素︶ ᠢ ᠬᠠᠮᠲᠤ ᠬᠡᠷᠡᠭᠯᠡᠨ᠎ᠡ᠃ ᠪᠤᠳᠠᠳᠠᠢ ᠬᠡᠷᠡᠭᠯᠡᠬᠦ ᠠᠷᠭ᠎ᠠ | ᠨᠢ᠄ ᠫᠷᠤᠫᠢᠯ ᠢᠮᠢᠳᠠᠽᠤᠯ ᠢ ᠺᠢᠯᠤᠭ᠍ᠷᠡᠮ ᠪᠦᠷᠢ ᠪᠠᠶ᠎ᠡ ᠶᠢᠨ ᠬᠦᠨᠳᠤ ᠳᠤ 15 ᠮᠢᠯᠢᠭᠷᠡᠮ ᠤᠤᠭᠤᠯᠭᠠᠬᠤ ᠶᠢᠨ ᠬᠠᠮᠲᠤ ᠪᠤᠯᠴᠢᠩ ᠳᠤᠨᠢ 0.1% ᠶᠢᠨ ᠢ ᠸᠧᠢ | ᠪᠠᠺᠲ᠋ᠧᠷᠢ ᠶᠢᠨ ᠡᠳ᠋ ᠢ ᠺᠢᠯᠤᠭ᠍ᠷᠡᠮ ᠪᠦᠷᠢ ᠪᠠᠶ᠎ᠡ ᠶᠢᠨ ᠬᠦᠨᠳᠤ ᠳᠤ 0.2 ᠮᠢᠯᠢᠭᠷᠡᠮ ᠲᠠᠷᠢᠨ᠎ᠠ᠂ ᠢᠩᠬᠢᠵᠦ ᠬᠠᠮᠲᠦ ᠬᠡᠷᠡᠭᠯᠡᠪᠡᠯ ᠳᠡᠭᠡᠷ᠎ᠡ ᠶᠠᠷᠢᠭᠰᠠᠨ ᠮᠦᠯᠵᠢᠭᠦᠷ ᠬᠤᠷᠤᠬᠠᠢ | ᠶᠢ ᠪᠦᠷ ᠮᠠᠰᠢ ᠰᠠᠶᠢᠨ ᠠᠷᠢᠯᠭᠠᠵᠦ ᠴᠢᠳᠠᠨ᠎ᠠ᠃ | ᠬᠤᠳᠤᠭᠤᠳᠤ ᠶᠢ ᠰᠠᠶᠢᠵᠢᠷᠠᠭᠤᠯᠬᠤ᠄ ᠲᠡᠵᠢᠭᠡᠬᠦ ᠠᠷᠭ᠎ᠠ ᠨᠢ ᠵᠤᠬᠢᠰ ᠦᠬᠡᠢ ᠪᠤᠶᠤ ᠪᠤᠷᠳᠤᠭ᠎ᠠ ᠨᠢ ᠴᠡᠪᠡᠷ ᠦᠭᠡᠢ ᠵᠡᠷᠭᠡ ᠰᠢᠯᠲᠠᠭᠠᠨ ᠠᠴᠠ ᠢᠳᠡᠰᠢᠨ | ᠦᠬᠡᠷ ᠤᠨ ᠭᠦᠵᠡᠭᠡ᠂ ᠰᠠᠷᠬᠢᠨᠠᠭ ᠲᠤ ᠠᠮᠠᠷᠬᠠᠨ ᠬᠤᠯᠢᠴᠠ ᠪᠤᠳᠠᠰ ᠦᠯᠡᠳᠡᠭᠡᠳ᠂ ᠢᠳᠡᠭᠡᠨ ᠤ ᠲᠤᠷᠠᠰᠢᠯ ᠪᠠ ᠰᠢᠩᠭᠡᠭᠡᠯᠲᠡ ᠶᠢ ᠮᠠᠭᠤᠲᠠᠭᠤᠯᠬᠤ ᠪᠣᠯᠣᠨ᠎ᠠ᠃ ᠡᠨᠡ | ᠦᠶᠡᠰ ᠦᠯᠦᠨ ᠢᠶᠠᠷ ᠦᠳᠭᠡᠴᠡ ᠨᠢ 1% ᠶᠢᠨ ᠪᠠᠭ᠎ᠠ ᠰᠤᠳᠠ ᠲᠠᠢ ᠤᠰᠤ ᠶᠢ ᠴᠢᠳᠬᠤᠨ ᠤᠤᠭᠤᠯᠭᠠᠵᠤ᠂ ᠢᠳᠡᠰᠢᠨ ᠦᠬᠡᠷ ᠨᠢ ᠬᠤᠯᠢᠴᠠ ᠪᠤᠳᠠᠰ ᠢ 365赢多少钱会被限额_国内有真正的365平台吗_365bet博彩官网 | ᠭᠠᠳᠠᠭᠰᠢᠯᠠᠭᠤᠯᠤᠭᠰᠠᠨ ︵ᠬᠠᠷ᠎ᠠ ᠦᠩᠭᠡ ᠲᠠᠢ ᠰᠢᠩᠭᠡᠨ ᠪᠠᠭᠠᠰᠦ ᠪᠠᠷ ᠮᠠᠭᠠᠳᠯᠠᠬᠤ ᠪᠠᠷᠢᠮᠵᠢᠶ᠎ᠠ ᠪᠤᠯᠭᠠᠨ᠎ᠠ︶ ᠤ ᠲᠠᠷᠠᠭ᠎ᠠ ᠲᠠᠬᠢᠨ ᠡᠬᠢᠯᠡᠵᠦ ᠪᠤᠷᠳᠤᠬᠤ ᠪᠤᠷᠳᠤᠭ᠎ᠠ ᠪᠠᠷ | ᠲᠡᠵᠢᠭᠡᠨ᠎ᠡ᠃ ᠬᠤᠷᠤᠬᠠᠢ ᠲᠠᠭᠤᠭᠠᠳ 3 ᠡᠳᠤᠷ ᠪᠤᠯᠤᠭᠰᠠᠨ ᠤ ᠲᠠᠷᠠᠭ᠎ᠠ ᠢᠳᠡᠭᠡᠨ ᠤ ᠲᠤᠷᠠᠰᠢᠯ ᠢ ᠨᠡᠮᠡᠭᠳᠡᠭᠦᠯᠵᠦ᠂ ᠰᠢᠩᠭᠡᠭᠡᠯᠲᠡ ᠶᠢ ᠰᠠᠶᠢᠵᠢᠷᠠᠭᠤᠯᠬᠤ ᠶᠢᠨ ᠲᠦᠯᠦᠭᠡ | ᠂ ᠬᠤᠳᠤᠭᠤᠳᠤ ᠶᠢ 1 ᠤᠳᠠᠭ᠎ᠠ ᠳᠤ ᠰᠠᠶᠢᠵᠢᠷᠠᠭᠤᠯᠤᠨ᠎ᠠ᠃ ᠭᠡᠬᠦ ᠳᠤ ᠪᠠᠨ ᠬᠤᠳᠤᠭᠤᠳᠤ ᠰᠠᠶᠢᠵᠢᠷᠠᠭᠤᠯᠬᠤ ᠡᠮ ᠢ ᠬᠡᠷᠡᠭᠯᠡᠵᠦ ᠬᠤᠳᠤᠭᠤᠳᠤ ᠬᠡᠳᠡᠰᠦᠨ ᠤ 365赢多少钱会被限额_国内有真正的365平台吗_365bet博彩官网 | ᠠᠵᠢᠯᠯᠠᠭ᠎ᠠ ᠶᠢ ᠲᠤᠬᠢᠷᠠᠭᠤᠯᠵᠤ ᠪᠤᠯᠤᠨ᠎ᠠ᠂ ᠵᠢᠱᠢᠶᠡᠯᠡᠪᠡᠯ ᠬᠤᠳᠤᠭᠤᠳᠤ ᠰᠠᠶᠢᠵᠢᠷᠠᠭᠤᠯᠬᠤ ᠲᠠᠯᠬ᠎ᠠ ︵健胃散︶᠂ ᠬᠢᠮᠠᠯ ᠲᠠᠪᠤᠰᠦ ︵人工盐︶᠂ | ᠬᠤᠳᠤᠭᠤᠳᠤᠨ ᠤᠭᠤᠷᠠᠭ ᠤᠨ ᠢᠰᠭᠡᠭᠦᠷ ︵胃蛋白酶︶᠂ ᠨᠦᠢᠷ ᠤᠨ ᠤᠭᠤᠷᠠᠭ ᠤᠨ ᠢᠰᠭᠡᠭᠦᠷ ︵胰蛋白酶︶᠂ ᠵᠦᠯᠭᠡᠨ ᠴᠢᠮᠡᠭ ᠤᠨ | ᠴᠢᠩᠬᠢ ︵龙胆酊︶ ᠵᠡᠷᠭᠡ ᠶᠢ ᠬᠡᠷᠡᠭᠯᠡᠵᠦ ᠪᠣᠯᠣᠨ᠎ᠠ᠂ ᠶᠡᠷᠦ ᠳᠡᠭᠡᠨ ᠬᠤᠳᠤᠭᠤᠳᠤ ᠶᠢ ᠰᠠᠶᠢᠵᠢᠷᠠᠭᠤᠯᠤᠭᠰᠠᠨ ᠤ ᠳᠠᠷᠠᠭ᠎ᠠ ᠦᠬᠡᠷ ᠨᠢ ᠴᠤᠭ ᠰᠦᠯᠳᠡ ᠲᠠᠢ | ᠪᠣᠯᠵᠤ᠂ ᠢᠳᠡᠭᠡᠨ ᠤ ᠲᠤᠷᠠᠰᠢᠯ ᠨᠢ ᠨᠡᠮᠡᠭᠳᠡᠬᠦ ᠪᠣᠯᠣᠨ᠎ᠠ᠃ | ᠢᠳᠡᠰᠢᠨ ᠦᠬᠡᠷ ᠤᠨ ᠬᠤᠳᠤᠭᠤᠳᠤ ᠶᠢ ᠰᠠᠶᠢᠵᠢᠷᠠᠭᠤᠯᠬᠤ ᠠᠷᠭ᠎ᠠ ᠤᠯᠠᠨ ᠪᠤᠢ᠂ ᠡᠭᠦᠨ ᠳᠤ ᠦᠬᠡᠷ ᠪᠦᠷᠢ ᠳᠤ ᠬᠢᠮᠠᠯ ᠲᠠᠪᠤᠰᠦ ᠶᠢ 60~100 ᠭᠷᠡᠮ | ᠤᠤᠭᠤᠯᠭᠠᠬᠤ ᠪᠤᠶᠤ ᠬᠤᠳᠤᠭᠤᠳᠤ ᠰᠠᠶᠢᠵᠢᠷᠠᠭᠤᠯᠬᠤ ᠲᠠᠯᠬ᠎ᠠ ᠶᠢ 350~450 ᠭᠷᠡᠮ ᠢᠶᠠᠷ ᠡᠳᠤᠷ ᠪᠦᠷᠢ 1 ᠤᠳᠠᠭ᠎ᠠ᠂ ᠦᠷᠬᠦᠯᠵᠢᠯᠡᠨ 2 ᠡᠳᠤᠷ ᠤᠤᠭᠤᠯᠭᠠᠵᠦ | ᠪᠣᠯᠣᠨ᠎ᠠ᠃ ᠵᠠᠷᠢᠮ ᠡᠴᠡᠩᠬᠡᠢ ᠦᠬᠡᠷ ᠲᠤ ᠬᠤᠳᠤᠭᠤᠳᠤ ᠰᠠᠶᠢᠵᠢᠷᠠᠭᠤᠯᠬᠤ ᠲᠠᠯᠬ᠎ᠠ ᠶᠢ ᠴᠢᠳᠬᠤᠨ ᠤᠤᠭᠤᠯᠭᠠᠭᠰᠠᠨ ᠤ ᠲᠠᠷᠠᠭ᠎ᠠ ᠳᠠᠬᠢᠨ ᠢᠰᠭᠡᠭᠴᠢ ᠨᠤᠨᠳᠠᠭ ︵酵母 | 粉︶ ᠢ ᠡᠳᠤᠷ ᠪᠦᠷᠢ 1 ᠤᠳᠠᠭ᠎ᠠ᠂ ᠤᠳᠠᠭ᠎ᠠ ᠪᠦᠷᠢ 250 ᠭᠷᠡᠮ ᠴᠢᠳᠬᠤᠨ ᠤᠤᠭᠤᠯᠭᠠᠵᠦ ᠪᠣᠯᠣᠨ᠎ᠠ᠂ ᠪᠠᠰᠠ 50~100 ᠢᠰᠭᠡᠭᠴᠢ ᠬᠠᠪᠲᠠᠭᠠᠢ ︵酵母 | 片︶ ᠪᠠ ᠳ᠋ᠢ ᠪᠠᠢ ᠴᠦᠩ ᠢ ᠺᠢᠯᠤᠭ᠍ᠷᠡᠮ ᠪᠦᠷᠢ ᠪᠡᠶ᠎ᠡ ᠶᠢᠨ ᠬᠦᠨᠳᠤ ᠳᠤ 0.05 ᠭᠷᠡᠮ ᠢᠶᠠᠷ ᠡᠳᠤᠷ ᠪᠦᠷᠢ 1 ᠤᠳᠠᠭ᠎ᠠ᠂ ᠦᠷᠬᠦᠯᠵᠢᠯᠡᠨ 2 ᠡᠳᠤᠷ ᠤᠤᠭᠤᠯᠭᠠᠵᠤ | ᠪᠣᠯᠣᠨ᠎ᠠ᠃ ᠡᠭᠦᠨ ᠠᠴᠠ ᠭᠠᠳᠠᠨ᠎ᠠ᠂ ᠲᠦᠮᠦᠰᠦᠳᠤ ᠰᠠᠬᠠᠯ ᠡᠪᠡᠰᠦ 75 ᠭᠷᠡᠮ᠂ ᠵᠦᠷᠵᠢ ᠶᠢᠨ ᠬᠠᠯᠢᠰᠦ 50 ᠭᠷᠡᠮ᠂ ᠯᠤᠤᠪᠠᠩ ᠤᠨ ᠦᠷ᠎ᠡ 75 ᠭᠷᠡᠮ᠂ ᠶᠠᠰᠤᠯᠢᠭ | ᠵᠦᠷᠵᠢ ᠶᠢᠨ ᠬᠠᠯᠢᠰᠦ 75 ᠭᠷᠡᠮ᠂ ᠨᠠᠷᠠᠰᠦᠨ ᠮᠤᠳᠤᠨ ᠤ ᠦᠷ᠎ᠡ 5 ᠭᠷᠡᠮ᠂ ᠲᠤᠯᠤᠨᠤ 100 ᠭᠷᠡᠮ᠂ ᠬᠦᠷᠦᠩᠭᠡ 100 ᠭᠷᠡᠮ᠂ ᠬᠤᠶᠠᠭᠳᠤ ᠠᠷᠪᠠᠢ ᠶᠢᠨ ᠨᠠᠬᠢᠶ᠎ᠠ | 100 ᠭᠷᠡᠮ᠂ ᠪᠢᠩᠯᠠᠩ 50 ᠭᠷᠡᠮ᠂ ᠲᠠᠩᠬᠠᠢ 50 ᠭᠷᠡᠮ᠂ ᠬᠠᠷ᠎ᠠ ᠡᠮ 50 ᠭᠡᠷᠡᠮ᠂ ᠰᠢᠬᠢᠷ ᠡᠪᠡᠰᠦ 50 ᠭᠷᠡᠮ ᠢ ᠴᠢᠨᠠᠭᠠᠳ ᠨᠢᠭᠡ ᠤᠳᠠᠭ᠎ᠠ ᠳᠤ ᠤᠤᠭᠤᠯᠭᠠᠨ᠎ᠠ᠂ | ᠦᠬᠡᠷ ᠪᠦᠷᠢ ᠳᠤ ᠡᠳᠤᠷ ᠲᠤ ᠨᠢᠭᠡ ᠤᠳᠠᠭ᠎ᠠ᠂ ᠦᠷᠬᠦᠯᠵᠢᠯᠡᠨ 2 ᠡᠳᠤᠷ ᠤᠤᠭᠤᠯᠭᠠᠪᠠᠯ᠂ ᠢᠳᠡᠰᠢᠨ ᠦᠬᠡᠷ ᠤᠨ ᠢᠳᠡᠭᠡᠨ ᠤ ᠲᠤᠷᠠᠰᠢᠯ ᠨᠢ ᠨᠡᠮᠡᠭᠳᠡᠬᠦ ᠪᠣᠯᠣᠨ᠎ᠠ᠃ | ᠬᠤᠳᠤᠭᠤᠳᠤ ᠶᠢ ᠰᠠᠶᠢᠵᠢᠷᠠᠭᠤᠯᠤᠭᠰᠠᠨ ᠤ ᠳᠠᠷᠠᠭ᠎ᠠ ᠢᠳᠡᠰᠢᠨ ᠦᠬᠡᠷ ᠨᠢ ᠴᠤᠭ ᠰᠦᠯᠳᠡ ᠲᠠᠢ ᠪᠣᠯᠵᠤ᠂ ᠢᠳᠡᠭᠡᠨ ᠤ ᠲᠤᠷᠠᠰᠢᠯ ᠨᠢ ᠰᠠᠶᠢᠵᠢᠷᠠᠬᠤ ᠪᠣᠯᠣᠨ᠎ᠠ | ᠃ ᠬᠡᠷᠪᠡ ᠵᠠᠷᠢᠮ ᠢᠳᠡᠰᠢᠨ ᠦᠬᠡᠷ ᠤᠨ ᠢᠳᠡᠭᠡᠨ ᠤ ᠲᠤᠷᠠᠰᠢᠯ ᠨᠢ ᠮᠦᠨ ᠮᠠᠭᠤ ᠪᠠᠶᠢᠪᠡᠯ᠂ ᠦᠬᠡᠷ ᠪᠦᠷᠢ ᠳᠤ ᠬᠠᠭᠤᠷᠠᠢ ᠢᠰᠭᠡᠭᠴᠢ ᠬᠠᠪᠲᠠᠭᠠᠢ ︵干酵母︶ | ᠡᠮ ᠢ 50 ᠮᠦᠬᠦᠯᠢᠭ ᠢᠳᠡᠭᠦᠯᠦᠨ᠎ᠡ᠃ ᠬᠡᠷᠪᠡ ᠢᠳᠡᠰᠢᠨ ᠦᠬᠡᠷ ᠤᠨ ᠪᠠᠭᠠᠰᠦ ᠨᠢ ᠬᠠᠲᠠᠭᠤ ᠪᠠᠶᠢᠪᠠᠯ ᠦᠬᠡᠷ ᠪᠦᠷᠢ ᠳᠤ 20~30 ᠭᠷᠡᠮ ᠨᠡᠶᠢᠯᠡᠮᠡᠯ ᠸᠢᠲ᠋ᠠᠮᠢᠨ ᠪᠠ | ᠪᠠᠭ᠎ᠠ ᠬᠡᠮᠵᠢᠶᠡᠨ ᠤ ᠤᠷᠭᠤᠮᠠᠯ ᠤᠨ ᠲᠤᠰᠤ ᠢᠳᠡᠭᠦᠯᠦᠨ᠎ᠡ᠃ |