— 2018 ᠤᠨ ᠤ 1 ᠳ᠋ᠤᠭᠡᠷ ᠰᠠᠷ᠎ᠠ ᠶᠢᠨ 24 ᠤ ᠡᠳᠥᠷ ᠤᠨ ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠢᠬᠡᠳᠦᠬᠡᠷ ᠬᠤᠷᠠᠯᠳᠤᠭᠠᠨ ᠲᠡᠭᠡᠷ᠎ᠡ | | | ᠥᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ | | | | ᠲᠦᠯᠦᠭᠡᠯᠡᠭᠴᠢᠳ ᠡ᠄ | ᠣᠳᠣ᠂ ᠪᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ | ᠵᠥᠪᠯᠡᠬᠦ ᠪᠣᠯᠪᠠᠤ᠂ ᠲᠡᠷᠡᠴᠢᠯᠡᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠰᠠᠨᠠᠯ ᠢᠶᠠᠨ ᠳᠤᠷᠠᠳᠬᠤ ᠪᠣᠯᠪᠠᠣ᠃ | ᠨᠢᠭᠡ᠂ ᠥᠩᠭᠡᠷᠡᠭᠰᠡᠨ ᠲᠠᠪᠤᠨ ᠵᠢᠯ ᠤᠨ ᠠᠵᠢᠯ ᠤᠨ ᠡᠷᠭᠢᠴᠡᠭᠦᠯᠦᠯ | ᠥᠩᠭᠡᠷᠡᠭᠰᠡᠨ ᠲᠠᠪᠤᠨ ᠵᠢᠯ ᠪᠣᠯ᠂ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠶᠠᠪᠤᠴᠠ ᠳᠠᠬᠢ ᠲᠦᠢᠯ ᠤᠨ ᠶᠡᠷᠦ ᠪᠤᠰᠤ ᠶᠢᠨ ᠲᠠᠪᠤᠨ ᠵᠢᠯ ᠪᠣᠯᠣᠨ᠎ᠠ᠃ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠡ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠪᠡᠷᠳᠡᠬᠡᠨ | ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠵᠢᠯ ᠤᠨ ᠪᠠᠶᠢᠷᠢᠯᠠᠭᠤᠯᠤᠯᠳᠠ ᠶᠤᠰᠤᠭᠠᠷ᠂ ᠲᠣᠭᠲᠠᠭᠤᠨ ᠢᠶᠠᠷ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ | ᠦᠨᠳᠦᠰᠦᠨ ᠰᠠᠨᠠᠭ᠎ᠠ ᠶᠢ ᠪᠠᠲᠤ ᠡᠵᠡᠮᠰᠢᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠵᠤ᠂ ᠨᠡᠮᠡᠭᠳᠡᠯ ᠢ ᠲᠣᠭᠲᠠᠭᠤᠨ ᠪᠠᠶᠢᠯᠭᠠᠬᠤ᠂ ᠥᠭᠡᠷᠡᠴᠢᠯᠡᠯᠲᠡ ᠶᠢ | ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠦᠭᠰᠢᠭᠦᠷᠢ ᠶᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠨᠢᠭᠡᠳᠦᠯᠲᠡᠢ | ᠲᠥᠯᠥᠪᠯᠡᠨ ᠰᠠᠶᠢᠳᠤᠷ ᠬᠢᠵᠦ᠂ ᠥᠭᠡᠷᠡᠴᠢᠯᠡᠯᠲᠡ ᠨᠡᠭᠡᠭᠡᠯᠲᠡ ᠪᠠ ᠣᠳᠣᠬᠢᠴᠢᠯᠠᠭᠰᠠᠨ ᠪᠦᠲᠦᠭᠡᠨ ᠪᠠᠶᠢᠭᠤᠯᠤᠯᠲᠠ ᠳᠤ ᠰᠢᠨ᠎ᠡ ᠠᠮᠵᠢᠯᠲᠠ ᠪᠦᠲᠦᠭᠡᠯ ᠣᠯᠪᠠ᠃ | ᠶᠡᠷᠦᠩᠬᠡᠶᠢᠯᠡᠭᠰᠡᠨ ᠠᠵᠤ ᠠᠬᠤᠢ ᠶᠢᠨ ᠪᠣᠳᠠᠲᠤ ᠬᠦᠴᠦᠨ ᠲᠣᠭᠲᠠᠭᠤᠨ ᠢᠶᠠᠷ ᠳᠡᠭᠡᠭᠰᠢᠯᠡᠵᠦ᠂ ᠠᠵᠤ ᠠᠬᠤᠢ ᠶᠢᠨ ᠪᠦᠲᠦᠴᠡ ᠶᠢ ᠤᠯᠠᠮ ᠨᠢᠭᠡ ᠠᠯᠬᠤᠮ | ᠰᠢᠯᠢᠳᠡᠭᠵᠢᠭᠦᠯᠦᠨ᠂ ᠲᠠᠷᠢᠶᠠᠯᠠᠩ ᠮᠠᠯ ᠠᠵᠤ ᠠᠬᠤᠢ ᠶᠢ ᠲᠣᠭᠲᠠᠭᠤᠨ ᠪᠠᠶᠢᠯᠭᠠᠬᠤ ᠶᠢᠨ ᠳᠠᠭᠠᠤ ᠳᠤ ᠰᠢᠯᠢᠳᠡᠭᠵᠢᠬᠦᠯᠵᠦ᠂ ᠤᠯᠠᠮᠵᠢᠯᠠᠯᠲᠤ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠨ᠂ ᠰᠢᠨ᠎ᠡ ᠪᠠᠷ ᠪᠣᠢ ᠪᠣᠯᠣᠭᠰᠠᠨ ᠠᠵᠤ ᠦᠢᠯᠡᠰ ᠨᠡᠯᠢᠶᠡᠳ ᠲᠦᠷᠭᠡᠨ ᠨᠡᠮᠡᠭᠳᠡᠵᠦ᠂ ᠦᠢᠯᠡᠴᠢᠯᠡᠭᠡᠨ ᠤ | ᠦᠢᠯᠡᠰ ᠤᠨ ᠬᠤᠪᠢ ᠶᠢᠨ ᠵᠢᠩ ᠳᠡᠭᠡᠭᠰᠢᠯᠡᠪᠡ᠃ ᠬᠥᠭᠵᠢᠯᠲᠡ ᠶᠢᠨ ᠠᠮᠢᠵᠢᠷᠠᠯ ᠤᠨ ᠬᠦᠴᠦᠨ ᠥᠷᠬᠦᠯᠵᠢᠯᠡᠨ ᠴᠢᠩᠭᠠᠷᠠᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠵᠦᠢᠯᠡᠰ ᠶᠡᠭᠡ ᠬᠡᠪᠴᠢᠶ᠎ᠡ ᠪᠠᠷ ᠬᠠᠰᠤᠭᠳᠠᠨ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ 68.9 ᠲᠦᠮᠡᠨ ᠡᠷᠦᠬᠡ ᠰᠢᠨ᠎ᠡ ᠪᠠᠷ ᠨᠡᠮᠡᠭᠳᠡᠵᠦ᠂ ᠠᠵᠤ | ᠠᠬᠤᠢ ᠶᠢᠨ ᠨᠡᠮᠡᠭᠳᠡᠯ ᠳᠤ ᠰᠢᠨᠵᠢᠯᠡᠬᠦ ᠤᠬᠠᠭᠠᠨ ᠮᠡᠷᠭᠡᠵᠢᠯ ᠳᠠᠪᠰᠢᠯᠲᠠ ᠶᠢᠨ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠢᠯᠡᠷᠬᠡᠢ ᠳᠡᠭᠡᠭᠰᠢᠯᠡᠪᠡ᠃ ᠬᠤᠲᠠ | ᠬᠦᠳᠡᠭᠡ ᠶᠢᠨ ᠬᠥᠭᠵᠢᠯᠲᠡ ᠳᠤ ᠴᠣ᠋ ᠰᠢᠨ᠎ᠡ ᠳᠦᠷᠰᠦ ᠪᠠᠶᠢᠳᠠᠯ ᠢᠯᠡᠷᠡᠨ᠂ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠴᠢᠯᠠᠬᠤ ᠨᠣᠷᠮ᠎ᠠ 62% ᠳᠤ | ᠬᠦᠷᠪᠡ᠃ ᠬᠤᠲᠠ ᠬᠥᠳᠡᠭᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠡᠩᠴᠡᠭᠦᠷᠢᠰᠢᠬᠦ ᠬᠢᠷᠢ ᠲᠦᠪᠰᠢᠨ ᠢᠯᠡᠷᠬᠡᠢ ᠳᠡᠭᠡᠭᠰᠢᠯᠡᠨ᠂ ᠰᠠᠭᠤᠷᠢ ᠪᠡᠯᠡᠳᠬᠡᠮᠵᠢ | ᠢᠯᠡᠳᠳᠡ ᠰᠠᠶᠢᠵᠢᠷᠠᠵᠤ᠂ ᠰᠢᠨ᠎ᠡ ᠪᠠᠷ ᠨᠡᠮᠡᠭᠳᠡᠭᠰᠡᠨ ᠲᠡᠮᠦᠷ ᠵᠠᠮ 3400 ᠺᠢᠯᠤᠮᠧᠲᠷ᠂ ᠳᠡᠭᠡᠳᠦ ᠬᠤᠷᠳᠤ ᠶᠢᠨ ᠪᠠ ᠨᠢᠭᠡᠳᠦᠭᠡᠷ ᠳᠡᠰ ᠤᠨ ᠵᠠᠰᠠᠮᠠᠯ ᠵᠠᠮ 5600 | ᠺᠢᠯᠤᠮᠧᠲᠷ᠂ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ 12᠂ ᠴᠠᠬᠢᠯᠭᠠᠨ ᠬᠦᠴᠦᠨ ᠤ ᠭᠠᠳᠠᠭᠰᠢ ᠳᠠᠮᠵᠢᠭᠤᠯᠬᠤ ᠴᠢᠳᠠᠪᠤᠷᠢ 4400 ᠲᠦᠮᠡᠨ | ᠺᠢᠯᠤᠸᠠᠲ ᠪᠣᠯᠪᠠ᠃ ᠠᠮᠢ ᠠᠬᠤᠢ ᠶᠢᠨ ᠣᠷᠴᠢᠨ ᠲᠣᠭᠤᠷᠢᠨ ᠦᠷᠬᠦᠯᠵᠢᠯᠡᠨ ᠰᠠᠶᠢᠵᠢᠷᠠᠵᠤ᠂ ᠣᠢ ᠰᠢᠭᠤᠢ ᠶᠢᠨ ᠬᠤᠴᠢᠯᠭ᠎ᠠ ᠶᠢᠨ ᠨᠣᠷᠮ᠎ᠠ ᠪᠠ ᠨᠤᠲᠤᠭ ᠪᠡᠯᠴᠢᠭᠡᠷ ᠤᠨ | ᠤᠷᠭᠤᠮᠠᠯ ᠤᠨ ᠬᠤᠴᠢᠯᠭ᠎ᠠ ᠶᠢᠨ ᠬᠡᠮᠵᠢᠶ᠎ᠡ ︽ᠬᠤᠣᠰ ᠢᠶᠠᠷ ᠳᠡᠭᠡᠭᠰᠢᠯᠡᠵᠦ︾᠂ ᠴᠦᠯᠯᠡᠷᠬᠡᠭᠵᠢᠬᠦ ᠪᠠ ᠡᠯᠡᠰᠦᠷᠭᠡᠭᠵᠢᠬᠦ ᠭᠠᠵᠠᠷ ᠨᠤᠲᠤᠭ ︽ᠬᠤᠣᠰ ᠢᠶᠠᠷ ᠪᠠᠭᠠᠰᠴᠤ︾᠂ | ᠭᠤᠣᠯ ᠪᠣᠯᠬᠤ ᠪᠣᠬᠢᠷ ᠪᠤᠳᠠᠰ ᠢ ᠭᠠᠳᠠᠭᠰᠢᠯᠠᠭᠤᠯᠬᠤ ᠬᠡᠮᠵᠢᠶ᠎ᠡ ᠶᠡᠭᠡ ᠪᠠᠷ ᠪᠠᠭᠤᠷᠠᠪᠠ᠃ ᠠᠷᠠᠳ ᠤᠨ ᠠᠮᠢᠳᠤᠷᠠᠯ ᠤᠨ ᠬᠢᠷᠢ ᠲᠥᠪᠰᠢᠨ ᠲᠠᠰᠤᠷᠠᠯᠲᠠ ᠦᠭᠡᠢ | ᠳᠡᠭᠡᠭᠰᠢᠯᠡᠨ᠂ ᠶᠠᠳᠠᠭᠤᠷᠠᠯ ᠤᠨ ᠨᠣᠷᠮ᠎ᠠ ᠢᠯᠡᠳᠲᠡ ᠪᠠᠭᠤᠷᠠᠵᠤ᠂ ᠬᠤᠲᠠ ᠪᠠᠯᠭᠠᠰᠤ ᠶᠢᠨ ᠠᠵᠢᠯ ᠣᠯᠣᠭᠰᠠᠳ 133.5 ᠲᠦᠮᠡᠨ ᠬᠥᠮᠥᠨ ᠰᠢᠨ᠎ᠡ ᠪᠠᠷ ᠨᠡᠮᠡᠭᠳᠡᠨ᠂ | ᠬᠤᠲᠠ ᠬᠥᠳᠡᠭᠡ ᠶᠢ ᠬᠠᠮᠤᠷᠤᠭᠰᠠᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠵᠤ᠂ ᠪᠠᠲᠤᠯᠠᠬᠤ ᠬᠢᠷᠢ ᠲᠥᠪᠰᠢᠨ ᠵᠢᠯ ᠢᠷᠡᠬᠦᠶ᠎ᠡ ᠳᠡᠭᠡᠭᠰᠢᠯᠡᠨ᠂ ᠬᠤᠲᠠ | ᠬᠥᠳᠡᠭᠡ ᠶᠢᠨ 217.6 ᠲᠦᠮᠡᠨ ᠡᠷᠦᠬᠡ ᠭᠡᠷ ᠪᠦᠯᠢ ᠶᠢᠨ ᠬᠢᠨ ᠤ ᠣᠷᠣᠨ ᠰᠠᠭᠤᠴᠠ ᠶᠢᠨ ᠨᠥᠬᠦᠴᠡᠯ ᠢ ᠰᠠᠶᠢᠵᠢᠷᠠᠭᠤᠯᠪᠠ᠃ ᠰᠤᠷᠭᠠᠨ ᠬᠥᠮᠥᠵᠢᠯ᠂ ᠡᠷᠡᠭᠦᠯ | ᠬᠠᠮᠠᠭᠠᠯᠠᠯ᠂ ᠰᠣᠶᠣᠯ᠂ ᠪᠡᠶ᠎ᠡ ᠶᠢᠨ ᠲᠠᠮᠢᠷ ᠤᠨ ᠠᠵᠢᠯ ᠦᠢᠯᠡᠰ ᠲᠠᠰᠤᠷᠠᠯᠲᠠ ᠦᠭᠡᠢ ᠳᠠᠪᠰᠢᠯᠲᠠ ᠲᠠᠢ ᠪᠣᠯᠪᠠ᠃ ᠬᠤᠶᠠᠷ ᠢ ᠬᠦᠷᠢᠶᠡᠯᠡᠬᠦ ᠪᠠ ᠬᠠᠯᠠᠮᠵᠢᠯᠠᠨ | ᠲᠣᠬᠢᠷᠠᠭᠤᠯᠵᠤ ᠲᠥᠪᠬᠢᠨᠡᠭᠦᠯᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠠᠶᠢᠭᠤᠯᠤᠯᠲᠠ ᠶᠢ | ᠬᠦᠴᠦᠲᠡᠢ ᠳᠡᠮᠵᠢᠪᠡ᠃ ᠦᠨᠳᠦᠰᠦᠲᠡᠨ ᠨᠦᠭᠦᠳ ᠤᠨ ᠶᠡᠭᠡ ᠪᠥᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠤᠯᠠᠮ ᠨᠢᠭᠡ ᠠᠯᠬᠤᠮ ᠪᠠᠬᠢᠵᠢᠪᠡ᠃ ᠱᠠᠰᠢᠨ ᠰᠤᠷᠲᠠᠬᠤᠨ ᠤ | ᠲᠤᠬᠠᠢ ᠨᠠᠮ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠠᠷᠠᠳ ᠤᠨ ᠠᠭᠠᠷ ᠤᠨ ᠰᠡᠷᠭᠡᠶᠢᠯᠡᠯᠲᠡ᠂ ᠭᠠᠵᠠᠷ ᠬᠦᠳᠡᠯᠦᠯᠲᠡ ᠴᠠᠭ ᠠᠭᠤᠷ | ᠂ ᠨᠡᠶᠢᠭᠡᠮ ᠤᠨ ᠰᠢᠨᠵᠢᠯᠡᠬᠦ ᠤᠬᠠᠭᠠᠨ᠂ ᠳᠠᠩᠰᠠ ᠡᠪᠬᠡᠮᠡᠯ ᠲᠡᠦᠬᠡ ᠣᠶᠢᠯᠠᠯᠭ᠎ᠠ᠂ ᠵᠥᠪᠳᠡᠭᠴᠢ ᠪᠠ ᠰᠣᠶᠣᠯ ᠲᠡᠦᠬᠡ᠂ ᠭᠠᠳᠠᠭᠠᠳᠤ ᠶᠠᠪᠤᠳᠠᠯ ᠪᠠ ᠬᠠᠷᠢᠶᠠᠲᠤ ᠶᠢᠨ | ᠶᠠᠪᠤᠳᠠᠯ ᠵᠡᠷᠭᠡ ᠠᠵᠢᠯ ᠤᠳ ᠢ ᠴᠢᠩᠭᠠᠳᠬᠠᠵᠤ᠂ ᠤᠯᠠᠭᠠᠨ ᠵᠠᠭᠠᠯᠮᠠᠶᠢᠳᠠᠨ᠂ ᠡᠮᠡᠭᠲᠡᠶᠢᠴᠦᠳ ᠪᠠ ᠬᠡᠦᠬᠡᠳ᠂ ᠦᠲᠡᠭᠦᠰ ᠪᠠ ᠵᠡᠮᠳᠡᠭᠴᠦᠳ ᠤᠨ ᠠᠵᠢᠯ ᠦᠢᠯᠡᠰ ᠴᠥᠮ | ᠰᠢᠨ᠎ᠡ ᠠᠬᠢᠯᠲᠠ ᠲᠠᠢ ᠪᠣᠯᠪᠠ᠃ | ᠲᠥᠯᠥᠭᠡᠯᠡᠭᠴᠢᠳ ᠡ᠂ 2017 ᠣᠨ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠢ ᠪᠣᠯᠣᠨ᠎ᠠ᠃ | ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠢ ᠶᠢ ᠪᠠᠶᠠᠷᠯᠠᠨ ᠪᠡᠯᠭᠡᠯᠡᠬᠦ ᠶᠠᠪᠤᠳᠠᠯ ᠨᠢ ᠪᠥᠬᠦ ᠣᠷᠣᠨ ᠤ ᠦᠨᠳᠦᠰᠦᠲᠡᠨ ᠨᠦᠭᠦᠳ ᠤᠨ ᠠᠷᠠᠳ | ᠲᠦᠮᠡᠨ ᠤ ᠤᠯᠤᠰ ᠲᠥᠷᠥ ᠶᠢᠨ ᠠᠮᠢᠳᠤᠷᠠᠯ ᠳᠠᠬᠢ ᠨᠢᠭᠡᠨ ᠦᠪᠡᠳᠡᠭᠰᠢ ᠪᠠᠶᠠᠷ ᠪᠣᠯᠪᠠ᠃ ᠪᠢᠳᠡ ᠨᠢᠵᠢᠭᠡᠷ ᠶᠡᠭᠡ ᠪᠡᠯᠭᠡᠯᠡᠬᠦ ᠴᠤᠭᠯᠠᠭᠠᠨ ᠢ ᠡᠷᠬᠢᠯᠡᠨ᠂ ᠶᠢᠰᠦᠳᠦᠭᠡᠷ | ᠤᠳᠠᠭ᠎ᠠ ᠶᠢᠨ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠦᠬᠢᠭᠦᠯᠦᠨ ᠰᠠᠶᠢᠰᠢᠶᠠᠬᠤ ᠶᠡᠭᠡ ᠬᠤᠷᠠᠯ ᠢ ᠬᠤᠷᠠᠯᠳᠤᠭᠤᠯᠵᠤ᠂ ᠪᠥᠬᠦ ᠣᠷᠣᠨ | ᠳᠠᠶᠠᠭᠠᠷ ᠲᠤ ᠣᠯᠠᠨ ᠲᠦᠮᠡᠨᠴᠢ ᠴᠢᠨᠠᠷᠲᠠᠢ ᠪᠡᠯᠭᠡᠯᠡᠬᠦ ᠰᠢᠷᠢᠰ ᠠᠵᠢᠯᠯᠠᠭ᠎ᠠ ᠶᠢ ᠥᠷᠨᠢᠭᠦᠯᠦᠨ᠂ ᠲᠤᠮᠤ ᠬᠡᠪᠴᠢᠶᠡᠨ ᠤ ᠦᠷ᠎ᠡ ᠪᠦᠲᠦᠭᠡᠯ ᠤᠨ ᠥᠵᠡᠰᠭᠦᠯᠡᠩ ᠢ ᠡᠷᠬᠢᠯᠡᠵᠦ | ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠰᠤᠷᠤ ᠰᠠᠶᠢᠨ ᠴᠤᠭ ᠰᠦᠯᠳᠡ ᠶᠢ ᠭᠦᠢᠴᠡᠳ ᠦᠵᠡᠭᠦᠯᠦᠨ᠂ ᠮᠠᠨ ᠤ ᠤᠯᠤᠰ ᠤᠨ | ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠤᠨ ᠯᠤᠳᠤ ᠶᠡᠭᠡ ᠳᠠᠪᠠᠭᠤᠯᠢᠭ ᠴᠢᠨᠠᠷ ᠢ ᠭᠦᠢᠴᠡᠳ ᠢᠯᠡᠷᠡᠭᠦᠯᠪᠡ᠃ ᠲᠥᠪ ᠬᠤᠷᠢᠶ᠎ᠠ ᠶᠢᠨ ᠪᠠᠶᠠᠷ ᠤᠨ | ᠴᠠᠬᠢᠯᠭᠠᠨ ᠳᠤ ᠥᠪᠡᠷᠲᠡᠭᠡᠨ ᠵᠠᠰᠠᠬᠤ ᠣᠷᠣᠨ ᠤ 70 ᠵᠢᠯ ᠤᠨ ᠲᠤᠷᠰᠢᠬᠢ ᠣᠯᠣᠭᠰᠠᠨ ᠲᠡᠦᠬᠡᠲᠦ ᠴᠢᠨᠠᠷᠲᠠᠢ ᠦᠷ᠎ᠡ ᠪᠦᠲᠦᠭᠡᠯ ᠢ ᠭᠦᠢᠴᠡᠳ ᠨᠤᠲᠠᠯᠠᠵᠤ᠂ ᠥᠪᠥᠷ | ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠬᠡᠮᠡᠬᠦ ᠡᠷᠬᠢᠮ ᠳᠡᠭᠡᠳᠦ ᠢᠷᠠᠭᠤ ᠠᠯᠳᠠᠷ ᠢ | ᠬᠦᠷᠲᠡᠭᠰᠡᠨ ᠤ ᠬᠠᠮᠲᠤ ᠢᠮᠠᠭᠲᠠ ᠬᠠᠮᠠᠭᠠᠯᠠᠭᠰᠠᠭᠠᠷ ᠢᠷᠡᠭᠰᠡᠨ ᠢ ᠥᠨᠳᠥᠷ ᠦᠨᠡᠯᠡᠪᠡ᠃ ᠲᠥᠪ ᠤᠨ ᠲᠥᠯᠥᠭᠡᠯᠡᠭᠴᠢᠳ ᠤᠨ ᠪᠦᠯᠬᠦᠮ ᠤᠨ ᠬᠢᠨ ᠨᠠᠮ ᠤᠨ ᠲᠥᠪ | ᠬᠤᠷᠢᠶ᠎ᠠ ᠶᠢᠨ ᠳᠣᠲᠣᠨᠣ ᠬᠠᠯᠠᠮᠵᠢᠯᠠᠯ ᠪᠠ ᠪᠥᠬᠦ ᠤᠯᠤᠰ ᠤᠨ ᠠᠷᠠᠳ ᠲᠦᠮᠡᠨ ᠤ ᠢᠷᠦᠭᠡᠯ ᠵᠥᠩᠨᠡᠯ ᠢ ᠬᠦᠷᠭᠡᠨ ᠢᠷᠡᠵᠦ᠂ ᠪᠥᠬᠦ ᠣᠷᠣᠨ ᠤ | ᠦᠨᠳᠦᠰᠦᠲᠡᠨ ᠨᠦᠭᠦᠳ ᠤᠨ ᠠᠷᠠᠳ ᠲᠦᠮᠡᠨ ᠲᠠᠢ ᠬᠠᠮᠲᠤᠪᠠᠷ ᠪᠠᠶᠠᠷ ᠤᠨ ᠡᠳᠦᠷ ᠢ ᠪᠠᠶᠠᠷᠯᠠᠨ ᠪᠡᠯᠭᠡᠯᠡᠵᠦ᠂ 12 ᠠᠶᠢᠮᠠᠭ ᠬᠤᠲᠠ ᠪᠠᠷ ᠭᠦᠨᠵᠡᠭᠡᠶᠢᠷᠡᠨ ᠺᠠᠳ᠋ᠷ ᠣᠯᠠᠨ | ᠲᠦᠮᠡᠨ ᠢ ᠪᠣᠯᠭᠤᠭᠠᠨ ᠲᠣᠬᠤᠨᠢᠭᠤᠯᠪᠠ᠃ ᠢᠯᠠᠩᠭᠤᠶ᠎ᠠ ᠶᠡᠷᠦᠩᠬᠡᠢ ᠱᠦᠵᠢ ᠰᠢ ᠶᠢᠨ ᠫᠢᠩ ᠤᠨ ︽ᠦᠵᠡᠰᠭᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ | ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤᠪᠠᠷ ᠲᠡᠷᠭᠡᠯᠰᠢᠭᠦᠯᠦᠶ᠎ᠡ︾ ᠬᠡᠮᠡᠬᠦ ᠪᠢᠴᠢᠭᠡᠰᠦ ᠨᠢ ᠪᠥᠬᠦ ᠣᠷᠣᠨ ᠤ ᠦᠨᠳᠦᠰᠦᠲᠡᠨ ᠨᠦᠭᠦᠳ ᠤᠨ | ᠠᠷᠠᠳ ᠲᠦᠮᠡᠨ ᠢ ᠲᠦᠢᠯ ᠤᠨ ᠶᠡᠭᠡ ᠪᠠᠷ ᠵᠣᠷᠢᠬᠵᠢᠭᠤᠯᠤᠨ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ︽ᠳᠦᠷᠪᠡᠨ ᠢᠲᠡᠭᠡᠯ︾ ᠢ ᠪᠠᠲᠤᠳᠬᠠᠵᠤ᠂ | ᠪᠢᠳᠡᠨ ᠤ ᠤᠭ ᠰᠠᠨᠠᠭ᠎ᠠ ᠪᠠᠨ ᠦᠯᠦ ᠮᠠᠷᠲᠠᠨ᠂ ᠥᠷᠬᠦᠯᠵᠢᠯᠡᠨ ᠤᠷᠤᠭᠰᠢᠯᠠᠬᠤ ᠶᠢᠨ ᠣᠮᠤᠭ ᠪᠠᠭ᠋ᠠᠲᠤᠯᠲᠤ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ | ᠰᠡᠳᠬᠢᠯᠭᠡ ᠶᠢ ᠴᠢᠩᠭᠠᠷᠠᠭᠤᠯᠤᠭᠰᠠᠨ ᠪᠠᠶᠢᠨ᠎ᠠ᠃ ᠡᠭᠦᠨ ᠤ ᠬᠠᠮᠲᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠴᠣᠭᠴᠠᠯᠠᠨ ᠪᠠᠶᠢᠭᠤᠯᠬᠤ | ᠲᠤᠷᠰᠢᠯᠭ᠎ᠠ ᠰᠣᠯᠢᠯᠴᠠᠬᠤ ᠠᠬᠤᠢ ᠲᠠᠯᠠᠪᠠᠢ ᠶᠢᠨ ᠬᠤᠷᠠᠯ ᠢ ᠮᠠᠨ ᠤ ᠣᠷᠣᠨ ᠳᠤ ᠬᠤᠷᠠᠯᠳᠤᠭᠤᠯᠪᠠ᠃ ᠪᠢᠳᠡ ᠶᠠᠨ ᠠᠨ ᠤ ᠦᠨᠳᠦᠰᠦᠲᠡᠨ ᠤ ᠳᠡᠭᠡᠳᠦ ᠰᠤᠷᠭᠠᠭᠤᠯᠢ ᠶᠢᠨ | ᠪᠣᠷᠣᠪᠠᠯᠭᠠᠰᠤ ᠳᠠᠬᠢ ᠬᠠᠭᠤᠴᠢᠨ ᠪᠠᠭᠤᠷᠢ ᠳᠤ᠂ ᠪᠣᠷᠣᠪᠠᠯᠭᠠᠰᠤ ᠶᠢᠨ ᠦᠨᠳᠦᠰᠦᠲᠡᠨ ᠤ ᠺᠠᠳ᠋ᠷᠴᠤᠳ ᠤᠨ ᠳᠡᠭᠡᠳᠦ ᠰᠤᠷᠭᠠᠭᠤᠯᠢ ᠶᠢ ᠪᠠᠶᠢᠭᠤᠯᠪᠠ᠃ ᠪᠣᠷᠣᠪᠠᠯᠭᠠᠰᠤ ᠶᠢᠨ | ᠦᠨᠳᠦᠰᠦᠲᠡᠨ ᠤ ᠺᠠᠳ᠋ᠷᠴᠤᠳ ᠤᠨ ᠳᠡᠭᠡᠳᠦ ᠰᠤᠷᠭᠠᠭᠤᠯᠢ ᠶᠢ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ ᠪᠣᠯᠭᠠᠵᠤ᠂ ᠤᠯᠤᠰ ᠤᠨ | ᠦᠨᠳᠦᠰᠦᠲᠡᠨ ᠤ ᠵᠥᠪᠯᠡᠯ ᠠᠴᠠ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠦᠮᠦᠵᠢᠯ ᠤᠨ ᠰᠠᠭᠤᠷᠢᠨ ᠭᠠᠵᠠᠷ ᠢᠶᠠᠷ ᠲᠣᠭᠲᠠᠭᠠᠪᠠ᠃ | 2017 ᠣᠨ ᠪᠣᠯ ᠪᠠᠰᠠᠴᠣ ᠤᠯᠠᠭᠠᠨᠮᠦ᠋ᠴᠢᠷ ᠪᠠᠶᠢᠭᠤᠯᠤᠭᠳᠠᠭᠰᠠᠨ 60 ᠵᠢᠯ ᠤᠨ ᠣᠢ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ ᠬᠠᠷᠢᠭᠤ | ᠵᠠᠬᠢᠳᠠᠯ ᠳᠠᠭᠠᠨ ᠤᠯᠠᠭᠠᠨᠮᠥ᠋ᠴᠢᠷ ᠢ ᠪᠥᠬᠦ ᠤᠯᠤᠰ ᠤᠨ ᠤᠳᠬ᠎ᠠ ᠤᠷᠠᠯᠢᠭ ᠤᠨ ᠹᠷᠣᠨᠲ ᠤᠨ ᠨᠢᠭᠡᠨ ᠲᠤᠭ ᠮᠥᠨ ᠭᠡᠵᠦ ᠮᠠᠭᠲᠠᠨ ᠰᠠᠶᠢᠰᠢᠶᠠᠵᠤ᠂ ᠤᠯᠠᠭᠠᠨᠮᠦ᠋ᠴᠢᠷ ᠤᠨ | ᠬᠡᠰᠢᠭᠦᠳ ᠢ ᠥᠨᠢ ᠡᠭᠦᠷᠢᠳᠡ ᠲᠠᠯ᠎ᠠ ᠨᠤᠲᠤᠭ ᠤᠨ ︽ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ︾ ᠪᠣᠯᠲᠤᠭᠠᠢ ᠬᠡᠮᠡᠨ ᠵᠣᠷᠢᠬᠵᠢᠭᠤᠯᠪᠠ᠃ | ᠡᠨᠡ ᠨᠢ ᠤᠯᠠᠭᠠᠨᠮᠥ᠋ᠴᠢᠷ ᠲᠤ ᠥᠭᠭᠦᠭᠰᠡᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠪᠣᠯᠬᠤ ᠪᠥᠭᠡᠳ ᠨᠡᠩ ᠴᠦ ᠪᠥᠬᠦ ᠣᠷᠣᠨ ᠤ ᠦᠨᠳᠦᠰᠦᠲᠡᠨ ᠨᠦᠭᠦᠳ ᠤᠨ ᠠᠷᠠᠳ | ᠲᠦᠮᠡᠨ ᠳᠤ ᠥᠭᠭᠦᠭᠰᠡᠨ ᠳᠣᠲᠣᠨᠣ ᠬᠠᠯᠠᠮᠵᠢᠯᠠᠯ ᠪᠣᠯᠣᠨ᠎ᠠ᠂ ᠮᠥᠨᠴᠦ ᠪᠥᠬᠦ ᠣᠷᠣᠨ ᠤ ᠤᠳᠬ᠎ᠠ ᠤᠷᠠᠯᠢᠭ ᠤᠨ ᠬᠥᠭᠵᠢᠯᠲᠡ ᠪᠠ ᠰᠣᠶᠣᠯ ᠤᠨ ᠪᠠᠶᠢᠭᠤᠯᠤᠯᠲᠠ ᠶᠢᠨ | ᠶᠠᠪᠤᠴᠠ ᠳᠠᠬᠢ ᠪᠡᠯᠭᠡ ᠲᠡᠮᠳᠡᠭ ᠤᠨ ᠠᠴᠢ ᠬᠤᠯᠪᠣᠭᠳᠠᠯ ᠲᠠᠢ ᠨᠢᠭᠡᠨ ᠲᠣᠮᠣ ᠤᠴᠢᠷ ᠶᠠᠪᠤᠳᠠᠯ ᠪᠠᠶᠢᠵᠤ᠂ ᠪᠥᠬᠦ ᠣᠷᠣᠨ ᠤ ᠦᠨᠳᠦᠰᠦᠲᠡᠨ ᠨᠦᠭᠦᠳ ᠤᠨ ᠠᠷᠠᠳ | ᠲᠦᠮᠡᠨ ᠢ ᠤᠷᠮᠠᠰᠢᠭᠤᠯᠤᠨ ᠵᠣᠷᠢᠬᠵᠢᠭᠤᠯᠪᠠ᠃ | 2017 ᠣᠨ ᠳᠤ᠂ ᠪᠢᠳᠡ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ︽ᠳᠦᠷᠪᠡᠨ | ᠦᠵᠡᠯ ᠤᠬᠠᠮᠰᠠᠷ︾ ᠢ ᠲᠠᠰᠤᠷᠠᠯᠲᠠ ᠦᠭᠡᠢ ᠴᠢᠩᠭᠠᠷᠠᠭᠤᠯᠤᠨ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ ᠯᠠᠪᠳᠠᠭᠤᠨ ᠪᠠᠳᠤᠲᠠᠢ ᠪᠠᠷ ᠠᠵᠢᠯᠯᠠᠨ᠂ | ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠢ ᠦᠷᠬᠦᠯᠵᠢᠯᠡᠨ ᠡᠷᠡᠭᠦᠯ ᠢᠶᠠᠷ ᠬᠥᠭᠵᠢᠭᠦᠯᠪᠡ᠃ ᠠᠩᠬ᠎ᠠ ᠠᠯᠬᠤᠮ ᠤᠨ ᠬᠠᠷᠭᠤᠭᠤᠯᠤᠨ ᠪᠣᠳᠣᠭᠰᠠᠨ ᠢᠶᠠᠷ᠂ | ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 4% ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠳᠠᠬᠢ ᠬᠡᠢ | ᠬᠤᠭᠤᠰᠤᠨ ᠢᠶᠠᠷ ᠨᠡᠮᠡᠭᠳᠡᠭᠦᠯᠦᠨ ᠡᠷᠭᠢᠯᠳᠦᠭᠦᠯᠬᠦ ᠬᠦᠴᠦᠨ ᠵᠦᠢᠯ ᠢ ᠭᠠᠷᠭᠠᠭᠰᠠᠨ ᠤ ᠳᠠᠷᠠᠭ᠎ᠠ ᠬᠠᠷᠢᠴᠠᠭᠤᠯᠵᠤ ᠪᠣᠯᠬᠤ ᠪᠠᠷᠢᠮᠵᠢᠶ᠎ᠠ ᠪᠠᠷ ᠪᠣᠯ 14.6% ᠨᠡᠮᠡᠭᠳᠡᠨ᠂ | ᠭᠠᠶᠢᠯᠢ ᠶᠢᠨ ᠪᠤᠰᠤ ᠣᠷᠣᠯᠭ᠎ᠠ ᠶᠢᠨ ᠡᠵᠡᠯᠡᠬᠦ ᠬᠠᠷᠢᠴᠠᠯ ᠨᠢ ᠳᠡᠭᠡᠷ᠎ᠡ ᠵᠢᠯ ᠤᠨ 33.8% ᠪᠠᠶᠢᠭᠰᠠᠨ ᠠᠴᠠ ᠪᠠᠨ 24.4% ᠪᠣᠯᠲᠠᠯ᠎ᠠ ᠪᠠᠭᠤᠷᠠᠵᠤ᠂ ᠡᠳ᠋ ᠤᠨ | ᠵᠠᠰᠠᠭ ᠤᠨ ᠣᠷᠣᠯᠭ᠎ᠠ ᠶᠢᠨ ᠴᠢᠨᠠᠷ ᠴᠢᠨᠰᠠᠭ᠎ᠠ ᠢᠯᠡᠷᠬᠡᠢ ᠳᠡᠭᠡᠭᠰᠢᠯᠡᠪᠡ︔ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠪᠠᠷ ᠡᠵᠡᠮᠳᠡᠵᠦ ᠪᠣᠯᠬᠤ | ᠣᠷᠣᠯᠭ᠎ᠠ ᠲᠤᠰ ᠲᠤᠰ 8.2% ᠪᠠ 8.4% ᠨᠡᠮᠡᠭᠳᠡᠵᠦ᠂ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠠᠴᠠ ᠲᠦᠷᠭᠡᠨ ᠪᠣᠯᠪᠠ᠃ | ᠨᠢᠭᠡ ᠵᠢᠯ ᠤᠨ ᠲᠤᠷᠰᠢ᠂ ᠪᠢᠳᠡ ᠭᠤᠣᠯᠳᠠᠭᠤ ᠳᠣᠣᠷᠠᠬᠢ ᠠᠵᠢᠯ ᠤᠳ ᠢ ᠬᠢᠭᠰᠡᠨ ᠪᠠᠶᠢᠨ᠎ᠠ᠄ | ︵ᠨᠢᠭᠡ︶ ︽ᠭᠤᠷᠪᠠ ᠶᠢ ᠦᠭᠡᠶᠢᠰᠭᠡᠵᠦ ᠨᠢᠭᠡ ᠶᠢ ᠪᠠᠭᠤᠷᠠᠭᠤᠯᠬᠤ ᠪᠠ ᠨᠢᠭᠡ ᠶᠢ ᠨᠦᠬᠦᠪᠦᠷᠢᠯᠡᠬᠦ︾ ᠶᠢ ᠠᠬᠢᠭᠤᠯᠪᠠ᠃ ᠪᠢᠳᠡ ᠥᠯᠡᠭᠦᠳᠡᠵᠦ ᠪᠠᠶᠢᠭ᠎ᠠ | ᠦᠢᠯᠡᠳᠪᠦᠷᠢᠯᠡᠬᠦ ᠴᠢᠳᠠᠮᠵᠢ ᠶᠢ ᠦᠷᠬᠦᠯᠵᠢᠯᠡᠨ ᠠᠷᠢᠯᠭᠠᠵᠤ᠂ ᠳᠣᠣᠷᠠᠳᠤ ᠦᠵᠦᠭᠦᠷ ᠤᠨ ᠪᠠ ᠪᠦᠲᠦᠮᠵᠢ ᠦᠭᠡᠢ ᠬᠠᠩᠭᠠᠯᠭ᠎ᠠ ᠶᠢ ᠪᠠᠭᠠᠰᠬᠠᠨ᠂ 810 ᠲᠦᠮᠡᠨ ᠲᠣᠨ | ᠨᠡᠭᠦᠷᠡᠰᠦ ᠪᠠ 55 ᠲᠦᠮᠡᠨ ᠲᠣᠨ ᠪᠣᠯᠤᠳ ᠲᠡᠮᠦᠷ ᠤᠨ ᠦᠢᠯᠡᠳᠪᠦᠷᠢᠯᠡᠬᠦ ᠴᠢᠳᠠᠮᠵᠢ ᠶᠢ ᠪᠤᠴᠠᠭᠠᠨ ᠭᠠᠷᠭᠠᠵᠤ᠂ 243 ᠲᠦᠮᠡᠨ ᠲᠣᠨ ︽ᠳᠠᠬᠢᠵᠤ | ᠦᠢᠯᠡᠳᠪᠦᠷᠢᠯᠡᠭᠰᠡᠨ ᠪᠣᠯᠣᠳ ᠲᠡᠮᠦᠷ︾ ᠢ ᠬᠦᠴᠦᠨ ᠦᠭᠡᠢ ᠪᠣᠯᠭᠠᠪᠠ᠃ ᠠᠩᠭᠢᠯᠠᠨ ᠵᠢᠯᠤᠭᠤᠳᠬᠤ ᠪᠠ ᠬᠤᠲᠠ ᠶᠢᠨ ᠪᠠᠶᠢᠳᠠᠯ ᠳᠤᠨᠢ ᠵᠣᠬᠢᠴᠠᠭᠤᠯᠵᠤ ᠪᠣᠳᠣᠯᠭ᠎ᠠ | ᠬᠡᠷᠡᠭᠵᠢᠭᠦᠯᠬᠦ ᠶᠢ ᠪᠠᠷᠢᠮᠲᠠᠯᠠᠨ᠂ ᠲᠠᠸᠠᠷ ᠤᠨ ᠭᠡᠷ ᠪᠠᠶᠢᠰᠢᠩ ᠤᠨ ᠬᠤᠳᠠᠯᠳᠤᠬᠤ ᠪᠠᠷ ᠪᠠᠶᠢᠭ᠎ᠠ ᠲᠠᠯᠠᠪᠠᠢ ᠶᠢ 8.6% ᠪᠠᠭᠤᠷᠠᠭᠤᠯᠪᠠ᠃ ᠬᠦᠰᠢᠭᠦᠷᠭᠡ ᠶᠢ ᠦᠭᠡᠶᠢᠰᠭᠡᠬᠦ | ᠠᠵᠢᠯ ᠢ ᠯᠠᠪᠳᠠᠭᠤᠨ ᠪᠠᠳᠤᠲᠠᠢ ᠰᠠᠶᠢᠳᠤᠷ ᠬᠢᠵᠦ᠂ ᠠᠵᠤ ᠦᠢᠯᠡᠳᠪᠦᠷᠢ ᠠᠵᠤ ᠠᠬᠤᠶᠢᠯᠠᠯ ᠤᠨ ᠡᠳ᠋ ᠬᠥᠷᠥᠩᠭᠡ ᠶᠢᠨ ᠥᠷᠢᠲᠦᠬᠦ ᠨᠣᠷᠮ᠎ᠠ ᠦᠷᠬᠦᠯᠵᠢᠯᠡᠨ ᠪᠠᠭᠤᠷᠠᠪᠠ᠃ | ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠪᠠ ᠮᠥᠩᠭᠦᠨ ᠭᠦᠢᠯᠭᠡᠭᠡᠨ ᠢ ᠳᠤᠷ᠎ᠠ ᠪᠠᠷ ᠡᠷᠬᠢᠯᠡᠬᠦ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠵᠦ᠂ ᠮᠠᠯᠵᠢᠬᠤ | ᠲᠠᠷᠢᠶᠠᠯᠠᠬᠤ ᠣᠷᠣᠨ ᠳᠠᠬᠢ ᠦᠨᠳᠦᠷ ᠬᠦᠦ ᠲᠠᠢ ᠵᠢᠭᠡᠯᠡᠯᠭᠡ ᠳᠤ ᠶᠡᠷᠦᠩᠬᠡᠶᠢᠯᠡᠨ ᠵᠠᠰᠠᠬᠤ ᠶᠢ ᠥᠷᠨᠢᠭᠦᠯᠪᠠ᠃ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ | ᠂ ᠭᠠᠶᠢᠯᠢ ᠶᠢ ᠬᠠᠰᠤᠵᠤ ᠵᠠᠷᠤᠳᠠᠯ ᠢ ᠪᠠᠭᠤᠷᠠᠭᠤᠯᠬᠤ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠠᠬᠢᠭᠤᠯᠤᠨ᠂ ᠪᠤᠲᠠᠲᠤ ᠴᠣᠭᠴᠠᠲᠤ ᠠᠵᠤ | ᠠᠬᠤᠢ ᠶᠢᠨ ᠥᠪᠡᠷ ᠤᠨ ᠥᠷᠲᠡᠭ ᠢ ᠪᠠᠭᠤᠷᠠᠭᠤᠯᠪᠠ᠃ ᠭᠤᠣᠯᠳᠠᠯᠭ᠎ᠠ ᠶᠢ ᠳᠣᠪᠤᠶᠢᠯᠭᠠᠵᠤ ᠳᠤᠲᠠᠭᠤᠳᠠᠯ ᠢ ᠨᠥᠬᠦᠪᠦᠷᠢᠯᠡᠨ᠂ ᠠᠷᠠᠳ ᠤᠨ ᠠᠮᠢᠳᠤᠷᠠᠯ ᠤᠨ ᠬᠦᠷᠢᠶ᠎ᠡ | ᠴᠠᠷᠠᠭ᠎ᠠ᠂ ᠠᠮᠢ ᠠᠬᠤᠢ ᠶᠢᠨ ᠣᠷᠴᠢᠨ ᠲᠣᠭᠤᠷᠢᠨ᠂ ᠰᠠᠭᠤᠷᠢ ᠪᠡᠯᠡᠳᠬᠡᠮᠵᠢ᠂ ︽ᠮᠠᠯᠵᠢᠬᠤ ᠲᠠᠷᠢᠶᠠᠯᠠᠬᠤ ᠣᠷᠣᠨ᠂ ᠮᠠᠯ ᠲᠠᠷᠢᠶᠠᠯᠠᠩ᠂ ᠮᠠᠯᠴᠢᠨ | ᠲᠠᠷᠢᠶᠠᠴᠢᠨ︾᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠪᠠᠭᠤᠷᠠᠢ ᠲᠠᠯ᠎ᠠ ᠶᠢᠨ ᠠᠵᠢᠯ ᠤᠳ ᠢ ᠴᠢᠩᠭᠠᠳᠬᠠᠪᠠ᠃ ᠤᠯᠠᠭᠠᠨᠬᠤᠲᠠ ᠠᠴᠠ | ᠪᠠᠶᠢᠴᠧᠩ ᠬᠦᠷᠬᠦ ᠲᠦᠷᠭᠡᠨ ᠬᠤᠷᠳᠤ ᠶᠢᠨ ᠲᠡᠮᠦᠷ ᠵᠠᠮ᠂ ᠬᠥᠬᠡᠬᠤᠲᠠ ᠠᠴᠠ ᠵᠢᠨᠢᠩ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠢ ᠪᠠᠶᠢᠭᠤᠯᠵᠤ ᠭᠠᠯᠲᠤ ᠲᠡᠷᠭᠡ | ᠨᠡᠪᠲᠡᠷᠡᠭᠦᠯᠦᠭᠰᠡᠨ ᠪᠦᠭᠡᠳ ᠤᠯᠠᠭᠠᠨᠬᠠᠳᠠ᠂ ᠲᠦᠩᠯᠢᠶᠣᠣ ᠪᠡᠭᠡᠵᠢᠩ ᠮᠥᠭᠳᠡᠨ ᠤ ᠳᠡᠭᠡᠳᠦ ᠬᠤᠷᠳᠤ ᠶᠢᠨ ᠲᠡᠮᠦᠷ ᠵᠠᠮ ᠤᠨ ᠠᠭᠤᠯᠵᠠᠭᠤᠷ ᠱᠤᠭᠤᠮ ᠢ ᠪᠦᠲᠦᠭᠡᠨ | ᠪᠠᠶᠢᠭᠤᠯᠬᠤ ᠠᠬᠢᠴᠠ ᠤᠷᠤᠭᠰᠢᠲᠠᠢ ᠪᠠᠶᠢᠵᠤ᠂ ᠪᠠᠶᠢᠭᠤᠯᠣᠮᠵᠢᠲᠤ ᠭᠠᠴᠠᠭ᠎ᠠ ᠲᠣᠰᠬᠤᠨ ᠳᠤ ᠳᠡᠪᠢᠰᠴᠦ ᠬᠠᠲᠠᠭᠤᠷᠠᠭᠤᠯᠤᠭᠰᠠᠨ ᠵᠠᠮ ᠲᠠᠢ ᠪᠣᠯᠭᠠᠬᠤ ᠬᠠᠷᠠᠯᠲᠠ ᠶᠢ | ᠤᠷᠢᠳᠴᠢᠯᠠᠨ ᠪᠡᠶᠡᠯᠡᠭᠦᠯᠪᠡ᠃ | ︵ᠬᠤᠶᠠᠷ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠬᠦ ᠶᠢ ᠲᠦᠷᠭᠡᠳᠭᠡᠪᠡ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ︽ | ᠲᠠᠪᠤ ᠶᠢ ᠤᠶᠠᠯᠳᠤᠭᠤᠯᠬᠤ︾ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠬᠥᠭᠵᠢᠯᠲᠡ ᠶᠢᠨ ᠠᠷᠭ᠎ᠠ ᠮᠠᠶ᠋ᠢᠭ ᠢ ᠬᠦᠴᠦᠯᠡᠨ ᠬᠤᠪᠢᠷᠠᠭᠤᠯᠵᠤ᠂ ᠡᠬᠢ ᠪᠠᠶᠠᠯᠢᠭ ᠢ | ᠤᠯᠠᠷᠢᠭᠤᠯᠤᠨ ᠥᠷᠲᠡᠭ ᠢ ᠨᠢ ᠨᠡᠮᠡᠭᠳᠡᠭᠦᠯᠬᠦ ᠶᠢ ᠠᠬᠢᠭᠤᠯᠪᠠ᠃ ᠤᠯᠠᠮᠵᠢᠯᠠᠯᠲᠤ ᠠᠵᠤ ᠦᠢᠯᠡᠰ ᠢ ᠰᠢᠨᠡᠳᠬᠡᠨ ᠥᠭᠡᠷᠡᠴᠢᠯᠡᠵᠦ ᠳᠡᠰ ᠳᠡᠪᠰᠢᠭᠦᠯᠬᠦ ᠶᠢ ᠲᠦᠷᠭᠡᠳᠬᠡᠨ᠂ | ᠠᠵᠤ ᠦᠢᠯᠡᠰ ᠤᠨ ᠬᠡᠯᠬᠢᠶᠡᠰᠦ ᠶᠢ ᠤᠯᠠᠮ ᠨᠢᠭᠡ ᠠᠯᠬᠤᠮ ᠤᠷᠲᠤᠳᠬᠠᠵᠤ᠂ ᠨᠡᠭᠦᠷᠡᠰᠦ ᠪᠠᠷ ᠴᠠᠬᠢᠯᠭᠠᠨ ᠭᠠᠷᠭᠠᠬᠤ᠂ ᠨᠡᠭᠦᠷᠡᠰᠦ ᠬᠢᠮᠢ ᠶᠢᠨ ᠨᠢᠭᠡ ᠴᠣᠭᠴᠠᠵᠢᠭᠤᠯᠬᠤ | ᠬᠤᠪᠢ ᠶᠢᠨ ᠵᠢᠩ 90% ᠠᠴᠠ ᠳᠡᠭᠡᠭᠰᠢ ᠳᠤ ᠬᠦᠷᠦᠭᠰᠡᠨ ᠪᠦᠭᠡᠳ ᠠᠵᠤ ᠦᠢᠯᠡᠳᠪᠦᠷᠢ ᠠᠵᠤ ᠠᠬᠤᠶᠢᠯᠠᠯ ᠤᠨ ᠠᠰᠢᠭ ᠣᠯᠵᠠᠪᠤᠷᠢ ᠶᠢᠨ ᠨᠣᠷᠮ᠎ᠠ ᠢᠯᠡᠷᠬᠡᠢ | ᠳᠡᠭᠡᠭᠰᠢᠯᠡᠪᠡ᠃ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠡᠯᠧᠺᠲᠷᠤᠨ ᠮᠡᠳᠡᠭᠡ ᠬᠤᠯᠪᠣᠭ᠎ᠠ ᠵᠡᠷᠭᠡ ᠠᠵᠤ ᠦᠢᠯᠡᠰ ᠤᠳ ᠨᠡᠯᠢᠶᠡᠳ ᠲᠦᠷᠭᠡᠨ ᠢᠶᠠᠷ ᠨᠡᠮᠡᠭᠳᠡᠵᠦ᠂ | ᠬᠤᠪᠣᠷ ᠰᠢᠷᠣᠢ ᠶᠢᠨ ᠨᠢᠭᠡᠳᠪᠦᠷᠢ ᠦᠢᠯᠡᠳᠪᠦᠷᠢᠯᠡᠬᠦ ᠴᠢᠳᠠᠮᠵᠢ᠂ ᠡᠭᠦᠯᠡᠨ ᠪᠣᠳᠣᠯᠲᠠ ᠶᠢᠨ ᠦᠢᠯᠡᠴᠢᠯᠡᠭᠦᠷ ᠤᠨ ᠳᠠᠭᠠᠭᠠᠴᠠ ᠶᠢᠨ ᠴᠢᠳᠠᠪᠤᠷᠢ ᠪᠦᠬᠦ ᠤᠯᠤᠰ ᠤᠨ | ᠲᠡᠷᠢᠭᠦᠨ ᠳᠤ ᠣᠷᠣᠪᠠ᠃ ᠲᠠᠷᠢᠶᠠᠯᠠᠩ ᠮᠠᠯ ᠠᠵᠤ ᠠᠬᠤᠢ ᠶᠢᠨ ᠪᠦᠲᠦᠴᠡ ᠤᠯᠠᠮ ᠨᠢᠭᠡ ᠠᠯᠬᠤᠮ ᠰᠢᠯᠢᠳᠡᠭᠵᠢᠵᠦ᠂ ᠠᠮᠤ ᠪᠤᠳᠠᠭ᠎ᠠ ᠶᠢᠨ ᠤᠨᠠᠯᠲᠠ 5 ᠵᠢᠯ ᠳᠠᠷᠠᠭᠠᠯᠠᠨ | 550 ᠳ᠋ᠦᠩᠰᠢᠭᠤᠷ ᠵᠢᠩ ᠠᠴᠠ ᠳᠡᠭᠡᠭᠰᠢ ᠳᠤ ᠲᠣᠭᠲᠠᠪᠤᠷᠢᠵᠢᠵᠤ᠂ ᠮᠠᠯᠵᠢᠯ ᠤᠨ ᠣᠨ ᠤ ᠵᠤᠬᠰᠤᠭ᠎ᠠ ᠮᠠᠯ ᠤᠨ ᠲᠤᠭ᠎ᠠ 13 ᠵᠢᠯ ᠳᠠᠷᠠᠭᠠᠯᠠᠨ 1 ᠳ᠋ᠦᠩᠰᠢᠭᠤᠷ ᠭᠠᠷᠤᠢ | ᠲᠤᠭ᠎ᠠ ᠲᠣᠯᠣᠭᠠᠢ ᠳᠤ ᠲᠣᠭᠲᠠᠪᠤᠷᠢᠵᠢᠪᠠ᠃ ᠵᠢᠭᠤᠯᠴᠢᠯᠠᠯ᠂ ᠰᠣᠶᠣᠯ᠂ ᠪᠡᠶ᠎ᠡ ᠶᠢᠨ ᠲᠠᠮᠢᠷ᠂ ᠡᠷᠡᠭᠦᠯ ᠡᠩᠬᠡ᠂ ᠨᠠᠰᠤᠵᠢᠯ ᠤᠨ ᠠᠰᠠᠷᠠᠮᠵᠢ᠂ ᠴᠣᠭᠯᠠᠭᠠᠨ ᠦᠵᠡᠬᠦᠯᠦᠯᠬᠡ | ᠵᠡᠷᠭᠡ ᠦᠢᠯᠡᠴᠢᠯᠡᠭᠡᠨ ᠤ ᠦᠢᠯᠡᠰ ᠲᠦᠷᠭᠡᠨ ᠬᠥᠭᠵᠢᠵᠦ᠂ ᠵᠢᠭᠤᠯᠴᠢᠯᠠᠭᠴᠢᠳ ᠤᠨ ᠶᠡᠷᠦᠩᠬᠡᠢ ᠲᠤᠭ᠎ᠠ 1 ᠳ᠋ᠦᠩᠰᠢᠭᠤᠷ ᠬᠥᠮᠥᠨ ᠤᠳᠠᠭ᠎ᠠ ᠶᠢ ᠬᠡᠲᠦᠷᠡᠭᠰᠡᠨ ᠪᠦᠭᠡᠳ | ᠵᠢᠭᠤᠯᠴᠢᠯᠠᠯ ᠤᠨ ᠶᠡᠷᠦᠩᠬᠡᠢ ᠣᠷᠣᠯᠭ᠎ᠠ 7 ᠵᠢᠯ ᠳᠠᠷᠠᠭᠠᠯᠠᠨ 20% ᠠᠴᠠ ᠳᠡᠭᠡᠭᠰᠢ ᠨᠡᠮᠡᠭᠳᠡᠪᠡ᠃ ᠠᠵᠤ ᠦᠢᠯᠡᠰ ᠤᠨ ᠳᠡᠰ ᠳᠡᠪᠰᠢᠭᠦᠯᠬᠦ ᠲᠠᠯ᠎ᠠ ᠳᠠᠬᠢ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠬᠦᠳᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠤᠨ ᠠᠷᠠᠯᠵᠢᠶᠠᠯᠠᠬᠤ ᠲᠠᠪᠴᠠᠩ ᠢ ᠪᠠᠶᠢᠭᠤᠯᠵᠤ᠂ ᠬᠠᠮᠵᠢᠯᠴᠠᠵᠤ ᠰᠢᠨ᠎ᠡ ᠶᠢ ᠡᠭᠦᠳᠦᠨ ᠰᠲ᠋ᠣᠺ ᠤᠨ ᠡᠷᠬᠡ ᠪᠠᠷ ᠪᠡᠯᠡ ᠣᠷᠤᠭᠤᠯᠬᠤ | ᠰᠠᠭᠤᠷᠢ ᠮᠥᠩᠭᠦ ᠶᠢ ᠪᠠᠶᠢᠭᠤᠯᠤᠨ᠂ ᠥᠪᠡᠷᠲᠡᠭᠡᠨ ᠵᠠᠰᠠᠬᠤ ᠣᠷᠣᠨ ᠤ ᠳᠡᠰ ᠤᠨ ᠲᠦᠮᠡᠨ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠬᠤ ᠣᠷᠣᠨ ᠵᠠᠢ 93 ᠶᠢ | ᠰᠢᠨ᠎ᠡ ᠪᠠᠷ ᠪᠤᠶᠢᠵᠢᠭᠤᠯᠤᠨ᠂ ᠤᠯᠤᠰ ᠤᠨ ᠳᠡᠰ ᠤᠨ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ 1 ᠶᠢ ᠰᠢᠨ᠎ᠡ ᠪᠠᠷ ᠨᠡᠮᠡᠭᠳᠡᠭᠦᠯᠪᠡ᠃ ᠮᠤᠩᠭᠤᠯ | ᠡᠮᠨᠡᠯᠬᠡ ᠶᠢᠨ ᠤᠬᠠᠭᠠᠨ ᠵᠡᠷᠬᠡ ᠰᠢᠨ᠎ᠠ ᠪᠠᠷ ᠨᠡᠮᠡᠭᠳᠡᠭᠰᠡᠨ ᠳ᠋ᠤᠺᠲ᠋ᠤᠷ ᠴᠤᠯᠠ ᠤᠯᠭᠤᠬᠤ 13 ᠴᠢᠬ ᠨᠢ ᠬᠢᠨᠠᠨ ᠲᠤᠭᠳᠠᠭᠠᠯᠳᠠ ᠪᠠᠷ ᠪᠠᠳᠤᠯᠠᠬᠳᠠᠪᠠ᠃ ᠥᠪᠥᠷ | ᠮᠣᠩᠭᠤᠯ ᠤᠨ ᠶᠡᠭᠡ ᠰᠤᠷᠭᠠᠭᠤᠯᠢ ᠨᠢ ᠰᠤᠷᠭᠠᠨ ᠬᠥᠮᠥᠵᠢᠯ ᠤᠨ ᠶᠠᠮᠤᠨ ᠪᠠ ᠥᠪᠡᠷᠲᠡᠭᠡᠨ ᠵᠠᠰᠠᠬᠤ ᠣᠷᠣᠨ ᠤ ᠬᠠᠮᠲᠤᠷᠠᠨ ᠴᠣᠭᠴᠠᠯᠠᠬᠤ ᠳᠡᠭᠡᠳᠦ ᠰᠤᠷᠭᠠᠭᠤᠯᠢ ᠪᠣᠯᠵᠤ᠂ | ᠠᠮᠢᠳᠤ ᠪᠤᠳᠠᠰ ᠤᠨ ᠰᠤᠳᠤᠯᠤᠯ ᠨᠢ ᠤᠯᠤᠰ ᠤᠨ ᠲᠡᠷᠢᠭᠦᠨ ᠳᠡᠰ ᠤᠨ ᠬᠢᠴᠢᠶᠡᠯ ᠰᠢᠨᠵᠢᠯᠡᠭᠡᠨ ᠤ ᠪᠠᠶᠢᠭᠤᠯᠤᠯᠲᠠ ᠶᠢᠨ ᠲᠥᠷᠥᠯ ᠵᠦᠢᠯ ᠳᠤ ᠰᠣᠩᠭᠤᠭᠳᠠᠨ ᠣᠷᠣᠪᠠ᠃ | ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠬᠢᠭᠡᠳ ᠥᠪᠡᠷᠲᠡᠭᠡᠨ ᠵᠠᠰᠠᠬᠤ ᠣᠷᠣᠨ ᠠᠴᠠ ᠬᠠᠮᠲᠤᠷᠠᠨ ᠪᠠᠶᠢᠭᠤᠯᠬᠤ ᠲᠠᠯ᠎ᠠ ᠨᠤᠲᠤᠭ ᠤᠨ ᠮᠠᠯ ᠲᠡᠵᠢᠭᠡᠪᠦᠷᠢ ᠶᠢᠨ | ᠦᠷᠡᠵᠢᠭᠦᠯᠦᠨ ᠪᠤᠶᠢᠵᠢᠭᠤᠯᠬᠤ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠵᠥᠪᠰᠢᠶᠡᠷᠡᠭᠳᠡᠵᠦ᠂ ᠮᠤᠵᠢ ᠶᠠᠮᠤᠨ ᠬᠠᠮᠲᠤᠷᠠᠨ ᠤᠯᠤᠰ ᠤᠨ | ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠪᠠᠶᠢᠭᠤᠯᠬᠤ ᠠᠵᠢᠯ ᠳᠤ ᠠᠩᠬᠠᠨ ᠤ ᠠᠮᠵᠢᠯᠲᠠ ᠣᠯᠪᠠ᠃ | ︵ᠭᠤᠷᠪᠠ︶ ᠥᠭᠡᠷᠡᠴᠢᠯᠡᠯᠲᠡ ᠨᠡᠭᠡᠭᠡᠯᠲᠡ ᠬᠢᠬᠦ ᠠᠯᠬᠤᠮ ᠢᠶᠠᠨ ᠲᠦᠷᠭᠡᠳᠬᠡᠪᠡ᠃ ᠪᠢᠳᠡ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ | ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡᠨ ᠤ ᠥᠭᠡᠷᠡᠴᠢᠯᠡᠯᠲᠡ ᠶᠢ ᠰᠢᠯᠢᠳᠡᠭᠵᠢᠭᠦᠯᠬᠦ ᠶᠢ ᠦᠷᠭᠦᠯᠵᠢᠯᠡᠨ ᠠᠬᠢᠭᠤᠯᠵᠤ᠂ ︽ᠣᠯᠠᠨ ᠦᠨᠡᠮᠯᠡᠯ ᠢ | ᠨᠡᠶᠢᠯᠡᠭᠦᠯᠵᠦ ᠨᠢᠭᠡ ᠪᠣᠯᠭᠠᠬᠤ︾ ᠪᠠ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠂ | ᠨᠡᠶᠢᠭᠡᠮ ᠨᠡᠶᠢᠲᠡ ᠳᠤ ᠵᠠᠰᠠᠭ ᠵᠠᠬᠢᠷᠭᠠᠨ ᠤ ᠵᠥᠪᠰᠢᠶᠡᠷᠡᠵᠦ ᠭᠡᠷᠡᠴᠢᠯᠡᠬᠦ ᠵᠦᠢᠯᠡᠰ ᠤᠨ ᠨᠠᠷᠢᠨ ᠳᠠᠩᠰᠠ ᠶᠢ ᠨᠡᠶᠢᠲᠡᠯᠡᠪᠡ᠃ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠬᠤᠯᠢᠮᠠᠭ ᠥᠮᠴᠢᠯᠡᠯ ᠤᠨ ᠳᠦᠷᠢᠮ ᠤᠨ ᠥᠭᠡᠷᠡᠴᠢᠯᠡᠯᠲᠡ ᠰᠢᠨ᠎ᠡ ᠠᠬᠢᠯᠲᠠ ᠲᠠᠢ ᠪᠣᠯᠪᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ | ᠪᠦᠬᠦᠨ ᠡᠮ ᠤᠨ ᠵᠦᠢᠯᠡᠰ ᠲᠤ ᠦᠨ᠎ᠡ ᠨᠡᠮᠡᠬᠦ ᠶᠢ ᠬᠦᠴᠦᠨ ᠦᠭᠡᠢ ᠪᠣᠯᠭᠠᠵᠤ᠂ ᠱᠠᠲᠤ ᠬᠤᠪᠢᠶᠠᠨ ᠣᠨᠣᠰᠢᠯᠡᠨ ᠡᠮᠴᠢᠯᠡᠬᠦ ᠲᠤᠷᠰᠢᠯᠲᠠ ᠶᠢ ᠠᠶᠢᠮᠠᠭ ᠬᠤᠲᠠ ᠳᠤ | ᠨᠡᠶᠢᠳᠡᠮ ᠬᠠᠮᠤᠷᠬᠤ ᠶᠢ ᠪᠡᠶᠡᠯᠡᠭᠦᠯᠦᠨ᠂ ᠴᠢᠬ ᠲᠣᠭᠲᠠᠭᠠᠭᠰᠠᠨ 154 ᠡᠮᠴᠢᠯᠡᠭᠡᠨ ᠤ ᠪᠠᠶᠢᠭᠤᠯᠤᠮᠵᠢ ᠶᠢ ᠤᠯᠤᠰ ᠤᠨ ᠮᠤᠵᠢ ᠠᠯᠤᠰᠯᠠᠨ ᠣᠨᠳᠣᠣ ᠭᠠᠵᠠᠷ ᠢᠶᠠᠷ | ᠡᠮᠨᠡᠭᠦᠯᠵᠦ ᠪᠣᠯᠬᠤ ᠰᠢᠰᠲ᠋ᠧᠮ ᠳᠤ ᠣᠷᠤᠭᠤᠯᠪᠠ᠃ ᠭᠠᠵᠠᠷ ᠰᠢᠷᠣᠢ ᠶᠢᠨ ᠡᠷᠬᠡ ᠶᠢ ᠲᠣᠳᠣᠯᠠᠨ ᠲᠣᠭᠲᠠᠭᠠᠬᠤ ᠪᠤᠳᠠᠲᠠᠢ ᠲᠠᠯᠠᠪᠠᠢ ᠶᠢᠨ 81% ᠶᠢ ᠪᠡᠶᠡᠯᠡᠭᠦᠯᠵᠦ᠂ | ᠨᠤᠲᠤᠭ ᠪᠡᠯᠴᠢᠭᠡᠷ ᠤᠨ ᠡᠷᠬᠡ ᠶᠢ ᠲᠣᠳᠣᠯᠠᠨ ᠲᠣᠭᠲᠠᠭᠠᠵᠤ ᠳᠠᠭᠠᠭᠠᠴᠢᠯᠠᠭᠤᠯᠬᠤ ᠠᠵᠢᠯ ᠤᠨ 90% ᠠᠴᠠ ᠳᠡᠭᠡᠭᠰᠢᠬᠢ ᠶᠢ ᠪᠡᠶᠡᠯᠡᠭᠦᠯᠦᠨ᠂ ᠬᠥᠲᠦᠴᠢ ᠠᠵᠤ | ᠠᠬᠤᠶᠢᠯᠠᠯ ᠬᠢᠭᠡᠳ ᠮᠠᠯᠴᠢᠨ ᠲᠠᠷᠢᠶᠠᠴᠢᠳ ᠤᠨ ᠠᠰᠢᠭ ᠲᠤᠰᠠ ᠶᠢ ᠬᠤᠯᠪᠣᠭᠳᠠᠭᠤᠯᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠡᠳ᠋ ᠤᠨ ᠵᠠᠰᠠᠭ | ᠭᠠᠶᠢᠯᠢ ᠮᠥᠩᠭᠦᠨ ᠭᠦᠢᠯᠭᠡᠭᠡᠨ᠂ ᠤᠯᠤᠰ ᠤᠨ ᠭᠠᠵᠠᠷ ᠰᠢᠷᠣᠢ ᠡᠬᠢ ᠪᠠᠶᠠᠯᠢᠭ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠡᠷᠭᠡ ᠡᠯ᠎ᠡ ᠬᠦᠷᠢᠶᠡᠨ ᠳᠠᠬᠢ | ᠥᠭᠡᠷᠡᠴᠢᠯᠡᠯᠲᠡ ᠤᠯᠠᠮ ᠨᠢᠭᠡ ᠠᠯᠬᠤᠮ ᠭᠦᠨᠵᠡᠭᠡᠶᠢᠷᠡᠪᠡ᠃ ᠭᠠᠳᠠᠭᠠᠳᠤ ᠳᠤ ᠨᠡᠭᠡᠭᠡᠯᠲᠡ ᠬᠢᠬᠦ ᠶᠢ ᠪᠥᠬᠦ ᠲᠠᠯ᠎ᠠ ᠪᠠᠷ ᠥᠷᠭᠡᠳᠬᠡᠵᠦ᠂ ︽ᠨᠢᠭᠡ ᠪᠦᠰᠡ ᠨᠢᠭᠡ ᠵᠠᠮ︾᠂ | ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠲᠤ | ᠲᠡᠷᠭᠡ ᠶᠢᠨ ᠪᠠᠶᠢᠩᠭᠤᠵᠢᠭᠤᠯᠬᠤ ᠠᠵᠢᠯᠯᠠᠭᠠᠨ ᠢ ᠪᠡᠶᠡᠯᠡᠬᠦᠯᠵᠦ᠂ ᠭᠠᠳᠠᠭᠠᠳᠤ ᠠᠷᠠᠯᠵᠢᠶ᠎ᠠ ᠶᠢᠨ ᠲᠦᠷᠭᠡᠨ ᠨᠡᠮᠡᠭᠳᠡᠯ ᠢ ᠪᠠᠲᠤᠯᠠᠨ᠂ ᠭᠠᠳᠠᠭᠠᠳᠤ ᠠᠴᠠ ᠣᠷᠤᠭᠤᠯᠵᠤ | ᠭᠠᠳᠠᠭᠠᠳᠤ ᠳᠤ ᠭᠠᠷᠭᠠᠭᠰᠠᠨ ᠶᠡᠷᠦᠩᠬᠡᠢ ᠲᠤᠭ᠎ᠠ 900 ᠳ᠋ᠦᠩᠰᠢᠭᠤᠷ ᠲᠥᠭᠦᠷᠢᠭ ᠢ ᠳᠠᠪᠠᠵᠤ᠂ 22.8% ᠨᠡᠮᠡᠭᠳᠡᠨ᠂ ᠬᠢᠯᠢ ᠪᠣᠭᠤᠮᠲᠠ ᠪᠠᠷ ᠪᠠᠷᠠᠭ᠎ᠠ | ᠥᠩᠭᠡᠷᠡᠭᠦᠯᠦᠭᠰᠡᠨ ᠬᠡᠮᠵᠢᠶ᠎ᠡ ᠲᠣᠭᠲᠠᠭᠤᠨ ᠪᠦᠭᠡᠳ ᠨᠡᠮᠡᠭᠳᠡᠯ ᠲᠠᠢ ᠪᠣᠯᠪᠠ᠃ ᠭᠠᠳᠠᠭᠠᠳᠤ ᠶᠠᠪᠤᠳᠠᠯ ᠤᠨ ᠶᠠᠮᠤᠨ ᠠᠴᠠ ᠳᠡᠯᠡᠬᠡᠢ ᠳ᠋ᠠᠬᠢᠨ ᠳᠤ ᠥᠪᠥᠷ ᠮᠣᠩᠭᠤᠯ ᠢ | ᠲᠠᠨᠢᠯᠴᠠᠭᠤᠯᠬᠤ ᠠᠵᠢᠯᠯᠠᠭ᠎ᠠ᠂ ᠬᠤᠶᠠᠳᠤᠭᠠᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ᠂ ᠠᠰᠲ᠋ᠠᠨᠠ ᠶᠢᠨ ᠳᠡᠯᠡᠬᠡᠢ ᠶᠢᠨ | ᠦᠵᠡᠰᠬᠦᠯᠡᠩ ᠤᠨ ᠴᠤᠭᠯᠠᠭᠠᠨ ᠤ ᠥᠪᠥᠷ ᠮᠣᠩᠭᠤᠯ ᠤᠨ ᠭᠠᠷᠠᠭ ᠤᠨ ᠠᠵᠢᠯᠯᠠᠭ᠎ᠠ ᠶᠢ ᠠᠮᠵᠢᠯᠲᠠ ᠲᠠᠢ ᠡᠷᠬᠢᠯᠡᠭᠡᠳ ᠤᠯᠤᠰ ᠤᠨ ᠳᠣᠲᠤᠭᠠᠳᠤ ᠭᠠᠳᠠᠭᠠᠳᠤ ᠳᠤ ᠥᠪᠥᠷ | ᠮᠣᠩᠭᠤᠯ ᠤᠨ ᠴᠡᠴᠡᠭᠯᠡᠯ ᠬᠥᠭᠵᠢᠯ ᠲᠠᠢ᠂ ᠳᠠᠪᠰᠢᠯᠲᠠ ᠲᠠᠢ᠂ ᠨᠡᠭᠡᠭᠡᠯᠲᠡ ᠲᠠᠢ᠂ ᠡᠶ᠎ᠡ ᠵᠣᠬᠢᠴᠠᠯ ᠲᠠᠢ ᠪᠠᠶᠢᠭ᠎ᠠ ᠰᠠᠶᠢᠨ ᠰᠠᠶᠢᠬᠠᠨ ᠳᠦᠷᠢ ᠲᠥᠷᠬᠦ ᠶᠢ ᠢᠯᠡᠷᠡᠭᠦᠯᠦᠨ | ᠭᠠᠶᠢᠬᠠᠭᠤᠯᠪᠠ᠃ | ︵ᠳᠥᠷᠪᠡ︶ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠪᠠ᠃ ᠪᠢᠳᠡ ᠪᠤᠬᠢᠷᠳᠤᠯ ᠦᠭᠡᠢ ᠦᠪᠦᠷ ᠮᠣᠩᠭᠤᠯ ᠢ ᠪᠦᠲᠦᠭᠡᠨ | ᠪᠠᠶᠢᠭᠤᠯᠬᠤ ᠶᠢᠨ ᠲᠣᠭᠤᠷᠢᠨ ᠳᠤ᠂ ᠪᠠᠶᠢᠭᠠᠯᠢᠯᠢᠬ ᠣᠢ ᠶᠢᠨ ᠬᠠᠮᠠᠭᠠᠯᠠᠯᠲᠠ᠂ ᠪᠡᠭᠡᠵᠢᠩ ᠲᠢᠶᠠᠨᠵᠢᠨ ᠤ ᠡᠯᠡᠰᠦ ᠰᠢᠭᠤᠷᠭ᠎ᠠ ᠶᠢᠨ ᠡᠬᠢ ᠢᠷᠡᠯᠲᠡ ᠶᠢ ᠵᠠᠰᠠᠬᠤ᠂ | ᠲᠠᠷᠢᠶᠠᠯᠠᠬᠤ ᠶᠢ ᠵᠤᠭᠰᠤᠭᠠᠵᠤ ᠣᠢ ᠰᠢᠭᠤᠢ ᠡᠪᠡᠰᠦ ᠪᠡᠯᠴᠢᠭᠡᠷ ᠢ ᠰᠡᠷᠭᠦᠭᠡᠬᠦ ᠵᠡᠷᠭᠡ ᠠᠮᠢ ᠠᠬᠤᠢ ᠶᠢ ᠦᠩᠭᠡᠵᠢᠭᠦᠯᠦᠨ ᠰᠡᠷᠭᠦᠭᠡᠬᠦ ᠴᠢᠬᠤᠯᠡ ᠶᠡᠭᠡ ᠢᠨᠵᠧᠨᠧᠷᠢᠩ ᠢ | ᠦᠷᠭᠦᠯᠵᠢᠯᠡᠨ ᠬᠡᠷᠡᠭᠵᠢᠭᠦᠯᠪᠡ᠃ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠪᠠᠶᠢᠴᠠᠭᠠᠯᠲᠠ ᠶᠢ ᠦᠷᠨᠢᠭᠦᠯᠵᠦ᠂ ᠠᠭᠠᠷ ᠮᠠᠨᠳᠠᠯ᠂ ᠤᠰᠤ᠂ | ᠬᠦᠷᠦᠰᠦ ᠰᠢᠷᠤᠢ ᠶᠢᠨ ᠪᠣᠬᠢᠷᠳᠤᠯ ᠢ ᠴᠡᠭᠴᠡᠯᠡᠨ ᠵᠠᠰᠠᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ ᠠᠭᠤᠷᠬᠠᠢ ᠶᠢᠨ ᠠᠵᠤ ᠠᠬᠤᠶᠢᠯᠠᠯ ᠪᠦᠬᠦᠨ ᠤ ᠨᠡᠭᠡᠭᠡᠨ | ᠮᠠᠯᠲᠠᠵᠤ ᠬᠠᠶᠢᠨ ᠪᠠᠶᠢᠴᠠᠭᠠᠬᠤ ᠠᠵᠢᠯᠯᠠᠭ᠎ᠠ ᠶᠢ ᠵᠤᠭᠰᠤᠭᠠᠵᠤ᠂ ᠬᠦᠯᠦᠨ ᠨᠠᠭᠤᠷ᠂ ᠤᠯᠠᠭᠠᠨᠰᠤᠬᠠᠢ᠂ ᠳᠠᠭ᠎ᠠ ᠶᠢᠨ ᠨᠠᠭᠤᠷ ᠤᠨ ᠠᠮᠢ ᠠᠬᠤᠢ ᠶᠢᠨ ᠣᠷᠴᠢᠨ | ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠦᠷᠭᠦᠯᠵᠢᠯᠡᠨ ᠠᠬᠢᠭᠤᠯᠪᠠ᠃ ᠠᠮᠢ ᠠᠬᠤᠢ ᠶᠢᠨ ᠪᠣᠯᠪᠠᠰᠤᠨ ᠤ ᠰᠢᠯᠭᠠᠨ ᠬᠢᠨᠠᠬᠤ ᠠᠷᠭ᠎ᠠ᠂ ᠪᠤᠬᠢᠷᠳᠤᠯ ᠦᠭᠡᠢ | ᠬᠥᠭᠵᠢᠭᠦᠯᠬᠦ ᠭᠦᠢᠴᠡᠳᠭᠡᠯ ᠲᠤᠭ᠎ᠠ ᠶᠢᠨ ᠰᠢᠰᠲ᠋ᠧᠮᠵᠢ ᠶᠢ ᠪᠠᠶᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢᠨ ᠳᠦᠷᠢᠮ ᠢ ᠲᠡᠭᠦᠯᠳᠡᠷᠵᠢᠭᠦᠯᠵᠦ᠂ | ᠳᠥᠷᠪᠡᠨ ᠱᠠᠲᠤᠨ ᠤ ︽ᠭᠤᠣᠯ ᠮᠦᠷᠡᠨ ᠤ ᠠᠵᠢᠯ ᠳᠤ ᠬᠠᠷᠢᠭᠤᠴᠠᠬᠤ ᠳᠠᠷᠤᠭ᠎ᠠ ᠲᠠᠢ ᠪᠠᠶᠢᠬᠤ︾ ᠰᠢᠰᠲ᠋ᠧᠮᠵᠢ ᠶᠢ ᠠᠩᠬ᠎ᠠ ᠠᠯᠬᠤᠮ ᠪᠦᠷᠢᠯᠳᠦᠭᠦᠯᠪᠡ᠃ ︽ᠣᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠴᠥᠯᠯᠡᠷᠬᠡᠭᠵᠢᠯ ᠢ ᠰᠡᠷᠭᠡᠶᠢᠯᠡᠨ ᠵᠠᠰᠠᠬᠤ ᠨᠡᠶᠢᠲᠡ ᠶᠢᠨ ᠭᠡᠷ᠎ᠡ︾ ᠶᠢᠨ ᠠᠷᠪᠠᠨ ᠭᠤᠷᠪᠠᠳᠤᠭᠠᠷ ᠤᠳᠠᠭᠠᠨ ᠤ ᠭᠡᠷ᠎ᠡ | ᠪᠠᠶᠢᠭᠤᠯᠤᠭᠴᠢᠳ ᠤᠨ ᠬᠤᠷᠠᠯ ᠪᠠ ᠵᠢᠷᠭᠤᠳᠤᠭᠠᠷ ᠬᠤᠭᠤᠴᠠᠭᠠᠨ ᠤ ᠬᠥᠪᠴᠢ ᠶᠢᠨ ᠣᠯᠠᠨ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠬᠦ ᠶᠠᠷᠢᠶᠠᠨ ᠤ ᠲᠡᠪᠴᠡᠩ ᠢ ᠮᠠᠨ ᠤ | ᠣᠷᠣᠨ ᠳᠤ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠠᠴᠠ ᠲᠤᠰ ᠲᠤᠰ ᠵᠠᠬᠢᠳᠠᠯ ᠢᠷᠡᠭᠦᠯᠵᠦ ᠪᠠᠶᠠᠷ ᠬᠦᠷᠭᠡᠪᠡ᠃ | ︵ᠲᠠᠪᠤ︶ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠭᠰᠠᠨ ᠪᠠ ᠰᠠᠶᠢᠵᠢᠷᠠᠭᠤᠯᠪᠠ᠃ ᠪᠢᠳᠡ ᠠᠷᠠᠳ ᠤᠨ ᠠᠮᠢᠳᠤᠷᠠᠯ ᠳᠤ ᠣᠷᠤᠭᠤᠯᠤᠯᠲᠠ ᠬᠢᠬᠦ | ᠡᠷᠴᠢᠮ ᠢᠶᠠᠨ ᠴᠢᠩᠭᠠᠷᠠᠭᠤᠯᠵᠤ᠂ ᠪᠦᠬᠦ ᠣᠷᠣᠨ ᠤ ᠠᠷᠠᠳ ᠤᠨ ᠠᠮᠢᠳᠤᠷᠠᠯ ᠤᠨ ᠵᠠᠷᠤᠯᠭ᠎ᠠ ᠨᠢ ᠡᠩ ᠤᠨ ᠣᠯᠠᠨ ᠨᠡᠶᠢᠲᠡ ᠶᠢᠨ ᠲᠦᠰᠦᠪ ᠤᠨ ᠵᠠᠷᠤᠯᠭ᠎ᠠ ᠶᠢᠨ 69. | 8% ᠶᠢ ᠡᠵᠡᠯᠡᠵᠦ᠂ ᠳᠡᠭᠡᠷ᠎ᠡ ᠵᠢᠯ ᠤᠨ ᠬᠢ ᠠᠴᠠ 4 ᠵᠠᠭᠤᠨ ᠤ ᠴᠡᠭ ᠢᠶᠠᠷ ᠳᠡᠭᠡᠭᠰᠢᠯᠡᠨ᠂ ᠣᠯᠠᠨ ᠲᠦᠮᠡᠨ ᠤ ᠠᠩᠬᠠᠷᠤᠨ ᠬᠠᠯᠠᠮᠵᠢᠯᠠᠳᠠᠭ ᠨᠢᠭᠡ ᠪᠦᠯᠦᠭ ᠬᠠᠯᠠᠮᠰᠢᠯ | ᠠᠰᠠᠭᠤᠳᠠᠯ ᠪᠠ ᠬᠦᠴᠢᠷ ᠠᠰᠠᠭᠤᠳᠠᠯ ᠰᠢᠢᠳᠪᠦᠷᠢᠯᠡᠭᠳᠡᠪᠡ᠃ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠡᠷᠴᠢᠮ ᠢ ᠴᠢᠩᠭᠠᠷᠠᠭᠤᠯᠬᠤ ᠠᠷᠪᠠᠨ ᠵᠦᠢᠯ ᠤᠨ | ᠠᠷᠭ᠎ᠠ ᠬᠡᠮᠵᠢᠶ᠎ᠡ ᠶᠢ ᠨᠡᠶᠢᠲᠡᠯᠡᠵᠦ᠂ ᠡᠯ᠎ᠡ ᠱᠠᠲᠤᠨ ᠤ ᠡᠳ᠋ ᠤᠨ ᠵᠠᠰᠠᠭ ᠤᠨ ᠶᠠᠳᠠᠭᠤ ᠶᠢ ᠲᠡᠳᠭᠦᠬᠦ ᠪᠡᠯᠡ ᠮᠦᠩᠭᠦ ᠶᠢᠨ ᠵᠠᠷᠤᠯᠭ᠎ᠠ 121 ᠳ᠋ᠦᠩᠰᠢᠭᠤᠷ ᠲᠦᠭᠦᠷᠢᠭ | ᠪᠠᠶᠢᠵᠤ᠂ ᠨᠡᠮᠡᠭᠳᠡᠯ ᠤᠨ ᠬᠡᠮᠵᠢᠶ᠎ᠡ ᠨᠢ 112.9% ᠳᠤ ᠬᠦᠷᠪᠡ᠃ ᠤᠨᠳᠤᠤ ᠭᠠᠵᠠᠷ ᠨᠡᠭᠦᠯᠭᠡᠨ ᠰᠢᠯᠵᠢᠭᠦᠯᠦᠭᠰᠡᠨ ᠶᠠᠳᠠᠭᠤ ᠬᠦᠴᠢᠷᠳᠡᠯᠲᠡᠢ ᠬᠦᠮᠦᠨ ᠠᠮᠠ 5 ᠲᠦᠮᠡ | ᠪᠠᠶᠢᠵᠤ᠂ ᠶᠠᠳᠠᠭᠤ ᠬᠦᠴᠢᠷᠳᠡᠯᠲᠡᠢ ᠬᠦᠮᠦᠨ ᠠᠮᠠ ᠳᠤ ᠰᠦᠢᠳᠬᠡᠯ ᠬᠤᠷᠢᠶᠠᠬᠤ ᠦᠬᠡᠢ ᠪᠠᠷ ᠪᠡᠶ᠎ᠡ ᠶᠢᠨ ᠡᠷᠡᠭᠦᠯ ᠮᠡᠨᠳᠦ ᠶᠢᠨ ᠪᠠᠶᠢᠳᠠᠯ ᠢ ᠪᠠᠶᠢᠴᠠᠭᠠᠨ ᠥᠭᠴᠦ᠂ | ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠲᠤ ᠦᠶ᠎ᠡ ᠳᠠᠬᠢ ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ | ᠲᠦᠯᠦᠪᠯᠡᠭᠡ ᠨᠢ ᠤᠯᠤᠰ ᠤᠨ ᠳᠡᠰ ᠤᠨ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠪᠦᠬᠦᠨ ᠢ ᠬᠠᠮᠤᠷᠴᠤ᠂ ᠶᠡᠭᠡ ᠰᠤᠷᠭᠠᠭᠤᠯᠢ ᠶᠢᠨ ᠰᠢᠨ᠎ᠡ ᠤᠶᠤᠲᠠᠳ ᠢ | ᠵᠤᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠬᠤᠲᠠ ᠬᠦᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ ᠠᠴᠠ | ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠢ ᠭᠡᠷ ᠪᠦᠯᠢ ᠪᠦᠬᠦᠨ ᠳᠤ ᠬᠦᠷᠲᠡᠯ᠎ᠡ ᠥᠷᠭᠡᠳᠭᠡᠪᠡ᠃ ᠪᠦᠬᠦ ᠵᠢᠯ ᠳᠤ 20 ᠲᠦᠮᠡᠨ | ᠬᠦᠮᠦᠨ ᠢ ᠶᠠᠳᠠᠭᠤ ᠠᠴᠠ ᠠᠩᠬᠢᠵᠢᠷᠠᠭᠤᠯᠪᠠ᠃ ᠠᠳᠠᠯ ᠦᠢᠯᠡᠰ ᠴᠤᠭᠴᠠᠯᠠᠨ ᠠᠵᠢᠯ ᠣᠯᠭᠤᠬᠤ ᠶᠢ ᠲᠣᠭᠲᠠᠭᠤᠨ ᠢᠶᠠᠷ ᠠᠬᠢᠭᠤᠯᠵᠤ᠂ ᠬᠤᠲᠠ ᠪᠠᠯᠭᠠᠰᠤ ᠶᠢᠨ ᠠᠵᠢᠯ | ᠣᠯᠣᠭᠰᠠᠳ 26.1 ᠲᠦᠮᠡᠨ ᠬᠦᠮᠦᠨ ᠰᠢᠨ᠎ᠡ ᠪᠠᠷ ᠨᠡᠮᠡᠭᠳᠡᠨ᠂ ᠬᠤᠲᠠ ᠪᠠᠯᠭᠠᠰᠤ ᠶᠢᠨ ᠳᠠᠩᠰᠠᠯᠠᠨ ᠲᠡᠮᠲᠡᠭᠯᠡᠭᠦᠯᠦᠭᠰᠡᠨ ᠠᠵᠢᠯ ᠠᠯᠳᠠᠭᠰᠠᠳ ᠤᠨ ᠨᠤᠷᠮ᠎ᠠ 3.6% | ᠪᠣᠯᠪᠠ᠃ ᠨᠡᠶᠢᠭᠡᠮ ᠤᠨ ᠪᠠᠲᠤᠯᠠᠭ᠎ᠠ ᠶᠢᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠭᠡᠵᠦ᠂ ᠨᠠᠰᠤᠵᠢᠯ᠂ ᠡᠮᠴᠢᠯᠡᠭᠡ ᠶᠢᠨ ᠳᠠᠭᠠᠳᠬᠠᠯ᠂ ᠠᠮᠢᠳᠤᠷᠠᠯ ᠤᠨ | ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠦᠮᠦᠰ᠂ ᠵᠡᠮᠳᠡᠭᠴᠦᠳ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠂ ᠬᠢᠯᠢ ᠶᠢᠨ ᠠᠷᠠᠳ ᠤᠨ | ᠨᠦᠬᠦᠪᠦᠷᠢ ᠪᠠ ᠦᠲᠡᠭᠦᠰ ᠤᠨ ᠨᠡᠮᠡᠯᠭᠡ ᠶᠢ ᠨᠡᠮᠡᠭᠳᠡᠭᠦᠯᠪᠡ᠃ ᠳᠦᠭᠦᠮ ᠪᠦᠳᠦᠭᠦᠯᠢᠭ ᠣᠷᠣᠨ ᠰᠠᠭᠤᠴᠠᠲᠣ ᠲᠣᠭᠤᠷᠢᠭ ᠲᠤ 22.1 ᠲᠦᠮᠡᠨ ᠢᠵᠢ ᠭᠡᠷ ᠪᠠᠶᠢᠰᠢᠩ ᠢ | ᠦᠭᠡᠷᠡᠴᠢᠯᠡᠨ ᠰᠢᠨᠡᠳᠭᠡᠵᠦ᠂ ᠬᠤᠲᠠ ᠪᠠᠯᠭᠠᠰᠤ ᠶᠢᠨ 2300 ᠲᠦᠮᠡᠨ ᠲᠡᠭᠰᠢ ᠳᠦᠷᠪᠡᠯᠵᠢᠨ ᠮᠧᠲᠷ ᠤᠨ ᠬᠠᠭᠤᠴᠢᠷᠠᠭᠰᠠᠨ ᠪᠠ ᠬᠠᠭᠤᠴᠢᠨ ᠰᠠᠭᠤᠭᠠᠯᠢ ᠲᠣᠭᠤᠷᠢᠭ ᠢ | ᠦᠭᠡᠷᠡᠴᠢᠯᠡᠨ ᠰᠢᠨᠡᠳᠭᠡᠪᠡ᠃ ᠦᠪᠦᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠳᠤ ᠬᠤᠲᠠ ᠬᠦᠳᠡᠭᠡ ᠶᠢᠨ ᠬᠡᠷᠡᠭᠯᠡᠬᠦ ᠴᠠᠬᠢᠯᠭᠠᠨ ᠤ ᠠᠳᠠᠯᠢ ᠲᠣᠣᠷ ᠲᠠᠬᠢ | ᠠᠳᠠᠯᠢ ᠦᠨ᠎ᠡ ᠶᠢ ᠪᠡᠶᠡᠯᠡᠭᠦᠯᠵᠦ᠂ ᠤᠤᠭᠤᠬᠤ ᠤᠰᠤᠨ ᠤ ᠠᠮᠦᠷ ᠲᠥᠪᠰᠢᠨ ᠪᠠ ᠪᠤᠶᠢᠲᠠ ᠪᠦᠭᠯᠡᠭᠦᠦ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠬᠦ ᠴᠠᠬᠢᠯᠭᠠᠨ ᠤ ᠳᠡᠰ | ᠳᠡᠪᠰᠢᠭᠦᠯᠬᠦ ᠢᠨᠵᠧᠨᠧᠷᠢᠩ ᠢ ᠤᠷᠤᠭᠰᠢᠲᠠᠢ ᠠᠬᠢᠭᠤᠯᠪᠠ᠃ | ᠰᠤᠷᠭᠠᠨ ᠬᠦᠮᠦᠵᠢᠯ ᠢ ᠡᠷᠬᠡ ᠲᠡᠭᠰᠢ ᠪᠠᠷ ᠬᠥᠭᠵᠢᠭᠦᠯᠬᠦ ᠪᠠ ᠴᠢᠨᠠᠷ ᠢ ᠨᠢ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠦᠮᠦᠵᠢᠯ ᠤᠨ ᠬᠡᠦᠬᠡᠳ ᠤᠨ ᠴᠡᠴᠡᠷᠯᠢᠭ ᠲᠤ ᠣᠷᠤᠬᠤ ᠨᠣᠷᠮ᠎ᠠ 90% ᠠᠴᠠ ᠳᠡᠭᠡᠭᠰᠢ ᠳᠤ ᠬᠦᠷᠴᠦ᠂ ᠨᠡᠶᠢᠲᠡ 93 ᠬᠤᠰᠢᠭᠤ ᠰᠢᠶᠠᠨ ︵ᠬᠤᠲᠠ᠂ ᠲᠣᠭᠤᠷᠢᠭ︶ | ᠨᠢ ᠤᠯᠤᠰ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠡᠩᠴᠡᠭᠦᠷᠢᠲᠡᠢ ᠬᠥᠭᠵᠢᠭᠦᠯᠬᠦ ᠶᠢ ᠦᠨᠡᠯᠡᠨ ᠵᠢᠱᠢᠬᠦ ᠪᠠ ᠮᠠᠭᠠᠳᠯᠠᠨ ᠲᠣᠭᠲᠠᠭᠠᠬᠤ ᠳᠤ ᠪᠠᠲᠤᠯᠠᠭᠳᠠᠪᠠ᠃ | ᠦᠨᠳᠦᠰᠦᠲᠡᠨ ᠤ ᠰᠤᠷᠭᠠᠨ ᠬᠦᠮᠦᠵᠢᠯ ᠤᠨ ᠪᠦᠬᠦ᠋ᠢᠯᠡ ᠬᠥᠭᠵᠢᠯᠲᠡ ᠶᠢᠨ ᠬᠢᠷᠢ ᠲᠥᠪᠰᠢᠨ ᠪᠦᠬᠦ ᠤᠯᠤᠰ ᠤᠨ ᠲᠡᠷᠢᠭᠦᠨ ᠡᠩᠨᠡᠭᠡᠨ ᠳᠤ ᠣᠷᠤᠪᠠ᠃ ᠠᠯᠤᠰ ᠵᠠᠢ ᠶᠢᠨ | ᠡᠮᠴᠢᠯᠡᠭᠡ ᠪᠠ ᠠᠯᠤᠰ ᠵᠠᠢ ᠶᠢᠨ ᠰᠤᠷᠭᠠᠨ ᠬᠦᠮᠦᠵᠢᠯ ᠢ ᠬᠡᠷᠡᠭᠵᠢᠭᠦᠯᠵᠦ᠂ ᠴᠢᠨᠠᠷ ᠰᠠᠶᠢᠲᠠᠢ ᠡᠬᠢ ᠪᠠᠶᠠᠯᠢᠭ ᠢ ᠬᠠᠮᠲᠤᠪᠡᠷ ᠬᠦᠷᠲᠡᠬᠦ ᠶᠢ ᠠᠬᠢᠭᠤᠯᠪᠠ᠃ ᠰᠤᠶᠤᠯ ᠢᠶᠠᠷ | ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠰᠢᠨ᠎ᠠ ᠠᠬᠢᠯᠳᠠ ᠲᠠᠢ ᠪᠤᠯᠪᠠ᠃ ᠪᠦᠬᠦ ᠣᠷᠣᠨ ᠤ ᠶᠢᠰᠦᠳᠦᠭᠡᠷ ᠬᠤᠭᠤᠴᠠᠭᠠᠨ ᠤ ᠴᠦᠬᠡᠨ ᠲᠣᠭᠠᠲᠤ ᠦᠨᠳᠦᠰᠦᠲᠡᠨ ᠤ | ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠬᠢᠯᠡᠵᠦ᠂ ᠮᠠᠨ ᠤ ᠣᠷᠣᠨ ᠤ ᠲᠠᠮᠢᠷᠴᠢᠳ 13 ᠳ᠋ᠤᠭᠠᠷ ᠬᠤᠭᠤᠴᠠᠭᠠᠨ ᠤ ᠪᠦᠬᠦ ᠤᠯᠤᠰ ᠤᠨ ᠲᠠᠮᠢᠷ ᠤᠨ | ᠴᠤᠭᠯᠠᠭᠠᠨ ᠳᠤ ᠨᠡᠯᠢᠶᠡᠳ ᠰᠠᠶᠢᠨ ᠬᠢᠷᠢ ᠪᠦᠲᠦᠮᠵᠢ ᠣᠯᠪᠠ᠃ ᠬᠥᠯ ᠪᠦᠮᠪᠦᠭᠡ ᠶᠢᠨ ᠬᠦᠳᠡᠯᠭᠡᠭᠡᠨ ᠤ ᠦᠭᠡᠷᠡᠴᠢᠯᠡᠯᠲᠡ ᠶᠢᠨ ᠲᠣᠷᠰᠢᠯᠲᠠ ᠢᠯᠡᠷᠬᠡᠢ ᠦᠷ᠎ᠡ | ᠪᠦᠲᠦᠮᠵᠢ ᠲᠠᠢ ᠪᠣᠯᠵᠤ᠂ ᠤᠯᠤᠰ ᠠᠴᠠ ᠵᠥᠪᠰᠢᠶᠡᠷᠡᠭᠰᠡᠨ ᠤ ᠳᠠᠷᠠᠭ᠎ᠠ᠂ ︽ᠦᠪᠦᠷ ᠮᠣᠩᠭᠤᠯ ᠤᠨ ᠬᠥᠯ ᠪᠦᠮᠪᠦᠭᠡ ᠶᠢᠨ ᠰᠤᠪᠠᠭ︾ ᠪᠠᠶᠢᠭᠰᠠᠨ ᠢ ︽ᠬᠥᠯ | ᠪᠦᠮᠪᠦᠭᠡ ᠶᠢᠨ | ᠰᠤᠪᠠᠭ︾ ᠬᠡᠮᠡᠨ ᠬᠠᠯᠠᠵᠤ᠂ ᠪᠦᠬᠦ ᠤᠯᠤᠰ ᠤᠨ ᠬᠥᠯ ᠪᠦᠮᠪᠦᠭᠡ ᠶᠢᠨ ᠬᠦᠳᠡᠯᠭᠡᠭᠡᠨ ᠤ ᠦᠭᠡᠷᠡᠴᠢᠯᠡᠯᠲᠡ ᠬᠥᠭᠵᠢᠯᠲᠡ ᠶᠢ ᠤᠬᠠᠭᠤᠯᠬᠤ ᠪᠠ ᠵᠠᠯᠠᠭᠠᠴᠤᠳ | ᠪᠠᠭᠠᠴᠤᠳ ᠤᠨ ᠬᠥᠯ ᠪᠦᠮᠪᠦᠭᠡ ᠶᠢᠨ ᠬᠦᠳᠡᠯᠭᠡᠭᠡᠨ ᠳᠤ ᠠᠩᠬᠠᠷᠤᠯ ᠲᠠᠯᠪᠢᠬᠤ ᠲᠧᠯᠸᠢᠰ ᠤᠨ ᠰᠤᠪᠠᠭ ᠪᠣᠯᠪᠠ᠃ ᠲᠦᠩᠯᠢᠶᠣᠣ ᠬᠤᠲᠠ᠂ ᠣᠲᠤᠭ ᠤᠨ ᠡᠮᠦᠨᠡᠲᠦ | ᠬᠤᠰᠢᠭᠤ᠂ ᠵᠡᠭᠦᠨᠭᠠᠷ ᠬᠤᠰᠢᠭᠤ ᠪᠦᠬᠦ ᠤᠯᠤᠰ ᠤᠨ ᠪᠣᠯᠪᠠᠰᠤᠨ ᠬᠤᠲᠠ ᠶᠢᠨ ᠡᠩᠨᠡᠭᠡᠨ ᠳᠤ ᠣᠷᠤᠪᠠ᠃ ᠠᠮᠤᠭᠤᠯᠠᠩ ᠲᠠᠶᠢᠪᠣᠩ ᠦᠪᠦᠷ ᠮᠣᠩᠭᠤᠯ ᠤᠨ | ᠪᠠᠶᠢᠭᠤᠯᠤᠯᠲᠠ ᠶᠢ ᠠᠬᠢᠭᠤᠯᠵᠤ᠂ ᠠᠮᠦᠷ ᠢ ᠬᠠᠮᠠᠭᠠᠯᠠᠬᠤ ᠬᠡᠷᠡᠭ᠂ ᠠᠶᠤᠯ ᠦᠭᠡᠢ ᠦᠢᠯᠡᠳᠪᠦᠷᠢᠯᠡᠯ ᠤᠨ ᠡ᠊ᠨᠳᠡᠯ ᠭᠠᠷᠬᠤ ᠲᠤᠭ᠎ᠠ ᠶᠡᠷᠦᠩᠬᠡᠢ ᠳᠡᠭᠡᠨ ᠪᠠᠭᠠᠰᠴᠤ᠂ ᠠᠷᠠᠳ | ᠣᠯᠠᠨ ᠤ ᠢᠳᠡᠭᠡᠨ ᠤᠮᠳᠠᠭᠠᠨ ᠪᠠ ᠤᠤᠭᠤᠵᠤ ᠬᠡᠷᠡᠭᠯᠡᠬᠦ ᠡᠮ ᠤᠨ ᠠᠮᠦᠷ ᠲᠥᠪᠰᠢᠨ ᠪᠠᠲᠤᠯᠠᠭ᠎ᠠ ᠲᠠᠢ ᠪᠣᠯᠪᠠ᠃ | 2017 ᠣᠨ ᠳᠤ᠂ ᠪᠢᠳᠡ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠠᠮ ᠢ ᠪᠦᠬᠦ ᠲᠠᠯ᠎ᠠ ᠪᠠᠷ | ᠴᠢᠩᠭ᠎ᠠ ᠵᠠᠰᠠᠬᠤ ᠱᠠᠭᠠᠷᠳᠠᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠲᠠᠯ᠎ᠠ ᠲᠠᠢ ᠬᠤᠯᠪᠣᠭᠳᠠᠭᠤᠯᠤᠨ ᠲᠤᠤᠱᠯᠠᠭᠤᠯᠵᠤ᠂ ︽ᠳᠥᠷᠪᠡᠨ ᠦᠵᠡᠯ ᠤᠬᠠᠮᠰᠠᠷ︾ ᠢ | ᠪᠠᠲᠤ ᠪᠣᠢ ᠪᠣᠯᠭᠠᠨ᠂ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠬᠦ ᠶᠢ ᠲᠠᠰᠤᠷᠠᠯᠲᠠ ᠦᠭᠡᠢ ᠴᠢᠩᠭᠠᠷᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠡ | ᠵᠢᠭᠠᠪᠤᠷᠢ ᠪᠠ ᠴᠤᠬᠤᠯᠠᠪᠤᠷᠢ ᠶᠢᠨ ᠵᠣᠷᠢᠭ ᠰᠠᠨᠠᠭ᠎ᠠ᠂ ᠵᠢᠴᠢ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ︽ᠪᠤᠴᠠᠵᠤ ᠪᠠᠶᠢᠴᠠᠭᠠᠨ ᠦᠵᠡᠬᠦ︾ ᠳᠤ ᠬᠠᠷᠢᠭᠤ | ᠲᠤᠰᠬᠠᠭᠰᠠᠨ ᠰᠠᠨᠠᠯ ᠢ ᠬᠢᠨᠠᠮᠠᠭᠠᠢ ᠨᠠᠶᠢᠳᠠᠪᠤᠷᠢᠵᠢᠭᠤᠯᠪᠠ᠃ ᠪᠢᠳᠡ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠥᠷᠢ | ᠥᠭᠴᠡᠭᠡ ᠶᠢ ᠢᠳᠡᠪᠬᠢᠲᠡᠢ ᠪᠦᠭᠡᠳ ᠯᠠᠪᠳᠠᠭᠤᠨ ᠢᠶᠠᠷ ᠠᠷᠢᠯᠭᠠᠨ᠂ ᠵᠠᠰᠠᠭ ᠤᠨ ᠣᠷᠳᠣᠨ ᠤ ᠪᠡᠯᠡ ᠣᠷᠤᠭᠤᠯᠤᠬᠰᠠᠨ ᠨᠢᠭᠡ ᠪᠦᠯᠦᠭ ᠲᠦᠷᠦᠯ ᠵᠦᠢᠯ ᠢ | ᠪᠠᠶᠢᠭᠤᠯᠬᠤ ᠪᠠᠨ ᠵᠣᠭᠰᠤᠭᠠᠬᠤ᠂ ᠬᠤᠶᠢᠰᠢᠯᠠᠭᠤᠯᠤᠨ ᠪᠠᠶᠢᠭᠤᠯᠬᠤ ᠪᠠ ᠬᠠᠰᠤᠨ ᠴᠤᠮᠬᠠᠳᠬᠠᠵᠤ᠂ ᠦᠷᠢᠲᠦᠵᠦ ᠪᠠᠶᠢᠭᠰᠠᠨ ᠪᠠᠷᠢᠯᠭ᠎ᠠ ᠶᠢᠨ ᠮᠦᠩᠭᠦ ᠪᠠ ᠲᠠᠷᠢᠶᠠᠴᠢᠨ | ᠬᠦᠴᠦ ᠶᠠᠪᠤᠭᠰᠠᠳ ᠤᠨ ᠴᠠᠯᠢᠩ ᠢ ᠢᠯᠭᠠᠷᠠᠭᠤᠯᠪᠠ᠃ ᠠᠵᠤ ᠦᠢᠯᠡᠳᠪᠦᠷᠢ ᠶᠢᠨ ᠨᠡᠮᠡᠭᠳᠡᠯ ᠥᠷᠳᠡᠭ ᠤᠨ ᠲᠤᠭ᠎ᠠ ᠪᠠᠷᠢᠮᠲᠠ ᠨᠢ ᠦᠨᠡᠨ ᠪᠣᠲᠠᠲᠠᠢ ᠪᠢᠰᠢ ᠪᠠ ᠡᠳ᠋ ᠤᠨ | ᠵᠠᠰᠠᠭ ᠤᠨ ᠣᠷᠣᠯᠭ᠎ᠠ ᠶᠢ ᠬᠡᠢ ᠬᠤᠭᠤᠰᠤᠨ ᠢᠶᠠᠷ ᠨᠡᠮᠡᠭᠳᠡᠭᠦᠯᠦᠨ ᠡᠷᠭᠢᠯᠳᠦᠭᠦᠯᠬᠦ ᠵᠡᠷᠭᠡ ᠪᠢᠳᠡᠨ ᠢ ᠣᠯᠠᠨ ᠵᠢᠯ ᠭᠠᠴᠢᠭᠳᠠᠭᠤᠯᠤᠨ ᠮᠤᠬᠤᠭᠤᠵᠦ ᠪᠠᠶᠢᠬᠰᠠᠨ ᠪᠡᠷᠬᠡ | ᠲᠦᠪᠡᠭᠲᠡᠢ ᠠᠰᠠᠭᠤᠳᠠᠯ ᠤᠳ ᠢ ᠰᠢᠢᠳᠪᠦᠷᠢᠯᠡᠵᠦ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠨᠠᠶᠢᠳᠠᠪᠤᠷᠢᠲᠠᠢ ᠦᠨᠳᠦᠰᠦᠯᠡᠯ ᠢ | ᠬᠠᠩᠭᠠᠨ᠂ ᠢᠷᠡᠭᠡᠳᠦᠢ ᠶᠢᠨ ᠬᠥᠭᠵᠢᠯᠲᠡ ᠳᠤ ᠰᠠᠭᠤᠷᠢ ᠶᠢ ᠨᠢ ᠪᠠᠲᠤᠳᠬᠠᠪᠠ᠃ ᠪᠢᠳᠠ ᠠᠵᠢᠯ ᠤᠨ ᠳᠤᠮᠳᠠᠬᠢ ᠴᠢᠩᠭ᠎ᠠ ᠪᠤᠰᠤ ᠪᠠ ᠪᠣᠲᠠᠲᠠᠢ ᠪᠤᠰᠤ ᠠᠴᠠ ᠪᠤᠯᠤᠭᠰᠠᠨ | ᠬᠤᠬᠢᠷᠠᠯ ᠬᠦᠨᠦᠭᠡᠯ ᠢ ᠭᠦᠨᠵᠡᠭᠡᠢ ᠲᠠᠨᠢᠵᠤ ᠮᠡᠳᠡᠭᠰᠡᠨ ᠪᠦᠭᠡᠳ ᠨᠡᠮᠡᠭᠳᠡᠭᠦᠯᠬᠦ ᠶᠢᠨ ᠲᠦᠯᠦᠭᠡ ᠯᠡ ᠨᠡᠮᠡᠭᠳᠡᠭᠦᠯᠵᠦ᠂ ᠪᠡᠯᠡ ᠣᠷᠤᠭᠤᠯᠬᠤ ᠶᠢᠨ ᠲᠦᠯᠦᠭᠡ ᠯᠡ ᠪᠡᠯᠡ | ᠣᠷᠤᠭᠤᠯᠵᠤ ᠪᠣᠯᠬᠤ ᠦᠭᠡᠢ᠂ ᠦᠢᠯᠡᠳᠪᠦᠷᠢᠯᠡᠯ ᠤᠨ ᠶᠡᠷᠦᠩᠬᠡᠢ ᠥᠷᠳᠡᠭ ᠤᠨ ᠨᠡᠮᠡᠭᠳᠡᠯ ᠤᠨ ᠨᠤᠷᠮ᠎ᠠ ᠪᠠᠷ ᠠᠵᠢᠯ ᠤᠨ ᠪᠦᠲᠦᠮᠵᠢ ᠶᠢ ᠳᠦᠭᠦᠮ ᠢᠶᠠᠷ ᠦᠨᠡᠯᠡᠨ | ᠲᠣᠭᠲᠠᠭᠠᠬᠤ ᠬᠥᠭᠵᠢᠯᠲᠡ ᠶᠢᠨ ᠦᠵᠡᠯᠲᠡ ᠪᠠ ᠠᠵᠢᠯ ᠤᠨ ᠪᠦᠲᠦᠮᠵᠢ ᠶᠢᠨ ᠦᠵᠡᠯᠲᠡ ᠶᠢ ᠡᠷᠡᠰ ᠰᠢᠭᠤᠷᠬᠠᠢ ᠪᠠᠷ ᠲᠡᠪᠴᠢᠬᠦ ᠬᠡᠷᠡᠭᠲᠡᠢ᠃ | ᠪᠢᠳᠡ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠬᠠᠤᠯᠢ ᠶᠤᠰᠤᠴᠢ | ᠴᠢᠨᠠᠷ ᠢ ᠨᠢ ᠬᠢᠨᠠᠨ ᠪᠠᠶᠢᠴᠠᠭᠠᠬᠤ ᠪᠠ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠦᠪᠯᠡᠭᠴᠢ ᠶᠢᠨ ᠳᠦᠷᠢᠮ ᠢ ᠲᠡᠭᠦᠯᠳᠡᠷᠵᠢᠭᠦᠯᠦᠨ᠂ ᠦᠪᠡᠷᠲᠡᠭᠡᠨ ᠵᠠᠰᠠᠬᠤ | ᠣᠷᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠳᠡᠪᠰᠢᠭᠦᠯᠦᠨ ᠬᠢᠨᠠᠭᠤᠯᠤᠭᠰᠠᠨ ᠣᠷᠣᠨ ᠨᠤᠲᠤᠭ ᠤᠨ ᠴᠢᠨᠠᠷᠲᠠᠢ | ᠬᠠᠤᠯᠢ ᠲᠣᠭᠲᠠᠭᠠᠯ 8 ᠪᠠᠶᠢᠵᠤ᠂ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ 35 ᠲᠣᠭᠲᠠᠭᠠᠵᠤ᠂ ᠵᠠᠰᠠᠪᠤᠷᠢ ᠣᠷᠤᠭᠤᠯᠤᠭᠰᠠᠨ ᠪᠠ ᠬᠦᠴᠦᠨ ᠦᠭᠡᠢ | ᠪᠣᠯᠭᠠᠭᠰᠠᠨ ᠪᠠᠶᠢᠨ᠎ᠠ᠃ ᠠᠷᠠᠳ ᠤᠨ ᠲᠦᠯᠦᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠥ ᠶᠢᠨ ᠵᠦᠪᠯᠡᠯᠭᠡᠨ ᠤ ᠰᠠᠨᠠᠯ ᠳᠤᠷᠠᠳᠤᠯᠭ᠎ᠠ ᠶᠢ 1069 ᠬᠤᠪᠢ | ᠭᠦᠢᠴᠡᠳᠭᠡᠨ᠂ ᠭᠦᠢᠴᠡᠳᠭᠡᠭᠡᠳ ᠬᠠᠷᠢᠭᠤ ᠥᠭᠭᠦᠭᠰᠡᠨ ᠨᠤᠷᠮ᠎ᠠ 100% ᠳᠤ ᠬᠦᠷᠪᠡ᠃ ᠨᠡᠶᠢᠭᠡᠮ ᠤᠨ ᠬᠢᠨᠠᠯᠲᠠ ᠲᠠᠯᠪᠢᠯᠲᠠ ᠶᠢ ᠤᠬᠠᠮᠰᠠᠷ ᠠᠴᠠ ᠪᠠᠨ ᠬᠦᠯᠢᠶᠡᠵᠦ᠂ | ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠰᠣᠨᠢᠨ ᠮᠡᠳᠡᠭᠡ ᠨᠡᠶᠢᠲᠡᠯᠡᠬᠦ ᠳᠦᠷᠢᠮ ᠢ ᠲᠡᠭᠦᠯᠳᠡᠷᠵᠢᠭᠦᠯᠦᠨ᠂ ᠪᠦᠬᠦ ᠵᠢᠯ ᠳᠤ ᠰᠣᠨᠢᠨ ᠮᠡᠳᠡᠭᠡ ᠨᠡᠶᠢᠲᠡᠯᠡᠬᠦ ᠬᠤᠷᠠᠯ ᠢ 70 | ᠤᠳᠠᠭ᠎ᠠ ᠬᠤᠷᠠᠯᠳᠤᠭᠤᠯᠪᠠ᠃ ︽ᠠᠯᠪᠠᠨ ᠤ ᠭᠤᠷᠪᠠᠨ ᠵᠠᠷᠤᠳᠠᠯ︾ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠦᠪᠡᠷᠲᠡᠭᠡᠨ ᠵᠠᠰᠠᠬᠤ ᠣᠷᠣᠨ ᠤ ᠲᠤᠰ ᠱᠠᠲᠤᠨ ᠳᠠᠬᠢ | 10 ᠳ᠋ᠦᠩᠰᠢᠭᠤᠷ ᠲᠦᠭᠦᠷᠢᠭ ᠤᠨ ᠡᠩ ᠤᠨ ᠴᠢᠨᠠᠷᠲᠠᠢ ᠵᠠᠷᠤᠯᠭ᠎ᠠ ᠶᠢ ᠪᠠᠭᠠᠰᠬᠠᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠬᠡᠷᠡᠭᠯᠡᠪᠡ᠃ ᠴᠢᠬᠤᠯᠡ | ᠶᠡᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠡᠳ᠋ ᠤᠨ ᠵᠠᠰᠠᠭ ᠠᠴᠠ ᠠᠷᠠᠳ ᠤᠨ ᠠᠮᠢᠳᠤᠷᠠᠯ ᠳᠤ ᠬᠡᠷᠡᠭᠯᠡᠬᠦ ᠪᠡᠯᠡ ᠮᠦᠩᠭᠦ᠂ ᠤᠳᠤᠷᠢᠳᠬᠤ ᠺᠠᠳ᠋ᠷ ᠤᠨ | ᠠᠵᠤ ᠠᠬᠤᠢ ᠶᠢᠨ ᠬᠠᠷᠢᠭᠤᠴᠠᠯᠭ᠎ᠠ ᠪᠠ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠲᠠᠯ᠎ᠠ ᠪᠠᠷ ᠲᠤᠰᠢᠶᠠᠯ ᠠᠴᠠ ᠰᠠᠯᠬᠤ ᠳᠤ ᠬᠢᠨᠠᠨ ᠪᠤᠳᠤᠬᠤ ᠠᠵᠢᠯ ᠢ | ᠦᠷᠨᠢᠭᠦᠯᠵᠦ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠲᠠ ᠬᠢᠬᠦ ᠪᠠ ᠰᠢᠮᠳᠠᠭᠤᠯᠤᠨ ᠪᠠᠶᠢᠴᠠᠭᠠᠬᠤ ᠪᠠᠷ ᠦᠷ᠎ᠡ ᠪᠦᠲᠦᠮᠵᠢ ᠶᠢ ᠨᠢ ᠣᠶᠢᠯᠠᠭᠠᠬᠤ ᠶᠢ ᠴᠢᠩᠭᠠᠷᠠᠭᠤᠯᠤᠨ᠂ | ᠠᠷᠢᠭᠤᠨ ᠴᠢᠭᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠪᠠ᠃ | ᠲᠦᠯᠦᠭᠡᠯᠡᠭᠴᠢᠳ ᠡ᠂ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠭᠰᠠᠨ ᠲᠠᠪᠤᠨ ᠵᠢᠯ ᠪᠣᠯ᠂ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠰᠢ ᠮᠠᠨ ᠤ ᠤᠯᠤᠰ ᠤᠨ ᠲᠡᠦᠬᠡᠲᠦ ᠴᠢᠨᠠᠷᠲᠠᠢ ᠠᠮᠵᠢᠯᠲᠠ ᠣᠯᠣᠭᠰᠠᠨ ᠪᠠ ᠲᠡᠦᠬᠡᠲᠦ ᠴᠢᠨᠠᠷᠲᠠᠢ ᠬᠤᠪᠢᠷᠠᠯᠲᠠ ᠭᠠᠷᠤᠭᠰᠠᠨ ᠲᠠᠪᠤᠨ ᠵᠢᠯ ᠪᠣᠯᠣᠨ᠎ᠠ᠂ | ᠮᠦᠨ ᠴᠦ ᠦᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠢᠬᠤᠯᠡ ᠶᠡᠭᠡ ᠠᠮᠵᠢᠯᠲᠠ ᠣᠯᠣᠭᠰᠠᠨ ᠲᠠᠪᠤᠨ ᠵᠢᠯ ᠶᠤᠮ᠃ ᠲᠠᠪᠤᠨ | ᠵᠢᠯ ᠤᠨ ᠲᠤᠷᠰᠢ᠂ ᠪᠢᠳᠡᠨ ᠤ ᠠᠮᠵᠢᠯᠲᠠ ᠪᠦᠲᠦᠮᠵᠢ ᠪᠦᠬᠦᠨ ᠪᠠ ᠳᠠᠪᠰᠢᠯᠲᠠ ᠪᠣᠯᠭᠠᠨ ᠴᠦᠮ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠪᠠ ᠳᠤᠲᠤᠨᠤ ᠬᠠᠯᠠᠮᠵᠢᠯᠠᠯ ᠢᠶᠠᠷ ᠤᠯᠤᠬᠰᠠᠨ ᠶᠤᠮ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ | ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠭᠰᠡᠨ ᠠᠮᠢᠳᠤᠯᠢᠭ ᠦᠢᠯᠡᠳᠦᠯᠭᠡ ᠠᠴᠠ ᠤᠯᠤᠭᠰᠠᠨ ᠶᠤᠮ᠃ ᠡ᠊ᠨᠳᠡ᠂ ᠪᠢ ᠦᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ ᠦᠪᠡᠷᠲᠡᠭᠡᠨ ᠵᠠᠰᠠᠬᠤ | ᠣᠷᠣᠨ ᠤ ᠦᠭᠡᠷᠡᠴᠢᠯᠡᠯᠲᠡ ᠨᠡᠭᠡᠭᠡᠯᠲᠡ ᠪᠠ ᠤᠳᠤᠬᠢᠴᠢᠯᠠᠭᠰᠠᠨ ᠪᠦᠲᠦᠭᠡᠨ ᠪᠠᠶᠢᠭᠤᠯᠤᠯᠲᠠ ᠳᠤ ᠬᠤᠪᠢ ᠨᠡᠮᠡᠷᠢ ᠪᠠᠨ ᠦᠵᠡᠭᠦᠯᠦᠭᠰᠡᠨ ᠨᠦᠬᠦᠳ᠂ ᠦᠪᠦᠷ | ᠮᠣᠩᠭᠤᠯ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠣᠢ ᠪᠦᠬᠦᠢ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠲᠦᠯᠦᠭᠡᠯᠡᠭᠴᠢᠳ ᠡ᠂ ᠮᠠᠨ ᠤ ᠠᠵᠢᠯ ᠳᠤ ᠠᠮᠵᠢᠯᠲᠠ ᠪᠦᠲᠦᠮᠵᠢ ᠲᠠᠢ ᠪᠣᠯᠪᠠᠴᠤ ᠪᠠᠰᠠ ᠬᠦᠷᠦᠯᠴᠡᠬᠦ ᠦᠭᠡᠢ ᠲᠠᠯ᠎ᠠ ᠮᠠᠰᠢ ᠣᠯᠠᠨ ᠣᠷᠤᠰᠢᠵᠤ ᠪᠣᠢ᠂ ᠨᠠᠮ ᠤᠨ | ᠲᠥᠪ ᠬᠤᠷᠢᠶ᠎ᠠ ᠶᠢᠨ ᠱᠠᠭᠠᠷᠳᠠᠯᠭ᠎ᠠ᠂ ᠠᠷᠠᠳ ᠲᠦᠮᠡᠨ ᠤ ᠬᠦᠰᠡᠯ ᠡᠷᠡᠮᠡᠯᠵᠡᠯ ᠠᠴᠠ ᠪᠠᠰᠠ ᠨᠡᠯᠢᠶᠡᠳ ᠶᠡᠭᠡ ᠵᠦᠷᠢᠶ᠎ᠡ ᠲᠠᠢ ᠪᠠᠶᠢᠭᠰᠠᠭᠠᠷ ᠪᠠᠶᠢᠨ᠎ᠠ᠃ ᠬᠥᠭᠵᠢᠯᠲᠡ ᠶᠢᠨ | ᠲᠡᠩᠴᠡᠭᠦᠷᠢ ᠦᠭᠡᠢ ᠪᠠ ᠭᠦᠢᠴᠡᠳ ᠪᠤᠰᠤ ᠠᠰᠠᠭᠤᠳᠠᠯ ᠤᠳ ᠳᠤᠪᠤᠶᠢᠮ᠎ᠠ ᠪᠠᠶᠢᠵᠤ᠂ ᠪᠤᠳᠠᠳᠤ ᠴᠤᠬᠴᠠᠳᠤ ᠠᠵᠤ ᠠᠬᠤᠢ ᠳᠤ ᠴᠦᠬᠡᠨ ᠪᠤᠰᠤ ᠬᠦᠴᠢᠷᠳᠡᠯ ᠲᠤᠯᠭᠠᠷᠠᠵᠤ | ᠂ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠪᠣᠯᠣᠨ ᠦᠷ᠎ᠡ ᠠᠰᠢᠭ ᠦᠨᠳᠦᠷ ᠪᠣᠰᠤ ᠪᠠᠶᠢᠭᠰᠠᠭᠠᠷ︔ ᠠᠷᠠᠳ ᠤᠨ ᠠᠮᠢᠳᠤᠷᠠᠯ ᠤᠨ ᠬᠦᠷᠢᠶ᠎ᠡ ᠴᠠᠷᠠᠭ᠎ᠠ ᠳᠤ | ᠪᠠᠰᠠ ᠴᠦᠬᠡᠨ ᠪᠤᠰᠤ ᠳᠤᠲᠠᠭᠤᠳᠠᠯ ᠲᠠᠢ ᠪᠠᠶᠢᠵᠤ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠡᠭᠦᠷᠭᠡ ᠬᠠᠲᠠᠭᠤ ᠪᠡᠷᠬᠡᠰᠢᠶᠡᠯᠲᠡᠢ ᠪᠠᠶᠢᠵᠤ᠂ ᠬᠤᠲᠠ | ᠬᠦᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠨᠢ ᠮᠦᠨ ᠬᠦ ᠪᠦᠬᠦ ᠤᠯᠤᠰ ᠤᠨ ᠳᠤᠮᠳᠠᠴᠢ ᠬᠢᠷᠢ ᠲᠥᠪᠰᠢᠨ ᠠᠴᠠ ᠳᠣᠣᠷ᠎ᠠ ᠪᠠᠶᠢᠵᠤ᠂ ᠬᠤᠲᠠ ᠬᠦᠳᠡᠭᠡ ᠶᠢᠨ | ᠬᠤᠭᠤᠷᠤᠨᠳᠤᠬᠢ ᠪᠠ ᠣᠷᠣᠨ ᠪᠦᠰᠡ ᠶᠢᠨ ᠬᠤᠭᠤᠷᠤᠨᠳᠤᠬᠢ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠥᠪᠰᠢᠨ ᠵᠢᠴᠢ ᠰᠠᠭᠤᠭᠠᠯᠢ ᠠᠷᠠᠳ ᠤᠨ ᠣᠷᠣᠯᠭ᠎ᠠ ᠶᠢᠨ | ᠵᠦᠷᠢᠶ᠎ᠡ ᠨᠡᠯᠢᠶᠡᠳ ᠶᠡᠭᠡ ᠪᠠᠶᠢᠭᠰᠠᠭᠠᠷ︔ ᠠᠮᠢ ᠠᠬᠤᠢ ᠶᠢᠨ ᠣᠷᠴᠢᠨ ᠲᠣᠭᠤᠷᠢᠨ ᠮᠦᠨ ᠬᠦ ᠪᠠᠭᠤᠷᠠᠢ ᠬᠡᠪᠡᠷᠡᠭ ᠪᠠᠶᠢᠵᠤ᠂ ᠬᠠᠮᠠᠭᠠᠯᠠᠨ ᠵᠠᠰᠠᠬᠤ ᠡᠭᠦᠷᠭᠡ ᠮᠠᠰᠢ ᠨᠦᠰᠡᠷ | ᠬᠦᠨᠳᠦ ᠪᠠᠶᠢᠭᠰᠠᠭᠠᠷ︔ ᠪᠢᠳᠠ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠳᠤ ᠪᠠᠰᠠ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ 365赢多少钱会被限额_国内有真正的365平台吗_365bet博彩官网 | ᠴᠢᠩᠭᠠᠷᠠᠭᠤᠯᠬᠤ ᠴᠢᠬᠤᠯᠠᠲᠠᠢ ᠪᠠᠶᠢᠨ᠎ᠠ︔ ᠵᠠᠰᠠᠭ ᠤᠨ ᠣᠷᠳᠣᠨ ᠤ ᠠᠵᠢᠯ ᠳᠤ ᠦᠷ᠎ᠡ ᠪᠦᠲᠦᠮᠵᠢ ᠪᠠᠷ ᠦᠨᠳᠦᠷ ᠪᠤᠰᠤ᠂ ᠦᠢᠯᠡᠴᠢᠯᠡᠭᠡᠨ ᠤ ᠦᠵᠡᠯ ᠤᠬᠠᠮᠰᠠᠷ ᠢᠶᠠᠷ | ᠴᠢᠩᠭ᠎ᠠ ᠪᠤᠰᠤ᠂ ᠬᠠᠤᠯᠢ ᠶᠤᠰᠤᠭᠠᠷ ᠵᠠᠰᠠᠭ ᠶᠠᠪᠤᠭᠤᠯᠬᠤ ᠴᠢᠳᠠᠪᠤᠷᠢ ᠪᠠᠷ ᠭᠦᠢᠴᠡᠳ ᠪᠤᠰᠤ ᠪᠠᠶᠢᠬᠤ ᠵᠡᠷᠭᠡ ᠠᠰᠠᠭᠤᠳᠠᠯ ᠤᠳ ᠣᠷᠤᠰᠢᠭᠰᠠᠭᠠᠷ ᠪᠠᠶᠢᠨ᠎ᠠ᠃ | ᠪᠢᠳᠡ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠣᠷᠢᠭᠲᠠᠢ ᠪᠠᠷ ᠦᠨᠡᠨ ᠶᠤᠰᠤ ᠶᠢ ᠪᠠᠷᠢᠮᠲᠠᠯᠠᠬᠤ ᠪᠠ ᠠᠯᠳᠠᠭ᠎ᠠ ᠪᠤᠷᠤᠭᠤ ᠪᠠᠨ | ᠵᠠᠯᠠᠷᠠᠭᠤᠯᠵᠤ᠂ ᠵᠣᠷᠢᠭᠲᠠᠢ ᠪᠠᠷ ᠦᠪᠡᠷ ᠢ ᠪᠠᠨ ᠬᠤᠪᠢᠰᠬᠠᠨ᠂ ᠵᠦᠷᠢᠴᠡᠯ ᠳᠤ ᠰᠢᠭᠤᠳ ᠬᠠᠨᠳᠤᠵᠦ᠂ ᠠᠰᠠᠭᠤᠳᠠᠯ ᠢ ᠰᠢᠢᠳᠪᠦᠷᠢᠯᠡᠨ᠂ ᠠᠵᠢᠯ ᠢᠶᠠᠨ ᠰᠠᠶᠢᠵᠢᠷᠠᠭᠤᠯᠬᠤ | ᠴᠢᠬᠤᠯᠠᠲᠠᠢ ᠪᠠᠶᠢᠨ᠎ᠠ᠃ | ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠶᠡᠷᠦᠩᠭᠡᠢ ᠰᠡᠳᠭᠢᠮᠵᠢ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠳᠤᠮᠳᠠᠲᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠳᠤ ᠣᠷᠣᠭᠰᠠᠨ | ᠴᠢᠬᠤᠯᠠ ᠶᠡᠭᠡ ᠤᠯᠤᠰ ᠲᠥᠷᠥ ᠶᠢᠨ ᠮᠠᠭᠠᠳᠯᠠᠯᠲᠠ ᠶᠢ ᠭᠠᠷᠭᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠰᠢᠢᠳᠪᠦᠷᠢᠲᠦ ᠢᠯᠠᠯᠲᠠ ᠣᠯᠬᠤ ᠳᠤ | ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠠᠶᠢᠭᠤᠯᠬᠤ ᠭᠤᠶᠢᠲᠠ ᠰᠠᠶᠢᠬᠠᠨ ᠵᠢᠷᠤᠭ | ᠲᠥᠯᠦᠪᠯᠡᠭᠡ ᠶᠢ ᠵᠢᠷᠤᠭᠯᠠᠭᠰᠠᠨ ᠪᠠᠶᠢᠨ᠎ᠠ᠃ ᠬᠤᠶᠢᠰᠢᠳᠠ ᠶᠢᠨ ᠳᠠᠪᠤᠨ ᠵᠢᠯ ᠪᠣᠯ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢᠨ ᠲᠡᠦᠬᠡᠳᠦ ᠠᠭᠤᠯᠵᠠᠷ ᠤᠨ | ᠦᠶ᠎ᠡ ᠪᠣᠯᠣᠨ᠎ᠠ᠃ ᠪᠢᠳᠡ ᠥᠭᠡᠷᠡᠴᠢᠯᠡᠯᠲᠡ ᠨᠡᠬᠡᠭᠡᠯᠲᠡ ᠬᠢᠭᠰᠡᠨ 40 ᠵᠢᠯ ᠤᠨ ᠣᠢ᠂ ᠰᠢᠨ᠎ᠡ ᠳᠤᠮᠳᠠᠲᠤ ᠤᠯᠤᠰ ᠪᠠᠶᠢᠭᠤᠯᠤᠭᠳᠠᠭᠰᠠᠨ 70 ᠵᠢᠯ ᠤᠨ ᠣᠢ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ᠂ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠤᠭᠲᠤᠬᠤ ᠪᠣᠯᠣᠨ᠎ᠠ᠃ ᠬᠤᠶᠢᠰᠢᠳᠠ ᠶᠢᠨ ᠲᠠᠪᠤᠨ | ᠵᠢᠯ ᠤᠨ ᠠᠵᠢᠯ ᠢ ᠰᠠᠶᠢᠲᠤᠷ ᠬᠢᠬᠦ ᠳᠤ ᠡᠭᠦᠷᠭᠡ ᠬᠠᠷᠢᠭᠤᠴᠠᠯᠭ᠎ᠠ ᠬᠦᠨᠳᠦ ᠮᠦᠷᠲᠡᠭᠡᠨ ᠠᠯᠤᠰ ᠬᠡᠳᠦ ᠶᠢᠨ ᠠᠴᠢ ᠬᠤᠯᠪᠣᠭᠳᠠᠯ ᠲᠠᠢ ᠪᠠᠶᠢᠨ᠎ᠠ᠃ | ᠣᠳᠣ ᠠᠴᠠ 2020 ᠣᠨ ᠪᠣᠯᠲᠠᠯᠠᠬᠢ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠶᠢᠨ ᠰᠢᠢᠳᠪᠦᠷᠢᠲᠦ ᠢᠯᠠᠯᠲᠠ ᠶᠢ ᠣᠯᠬᠤ ᠴᠠᠭ | ᠬᠤᠭᠤᠴᠠᠭ᠎ᠠ ᠪᠣᠯᠣᠨ᠎ᠠ᠂ ᠵᠥᠪᠬᠡᠨ ᠥᠷᠯᠥᠭᠡ ᠦᠳᠡᠰᠢ ᠦᠭᠡᠢ ᠴᠢᠷᠮᠠᠶᠢᠨ ᠲᠡᠮᠡᠴᠡᠪᠡᠰᠦ ᠮᠠᠨ ᠤ ᠬᠠᠷᠠᠯᠲᠠ ᠪᠠᠨ ᠪᠡᠶᠡᠯᠡᠭᠦᠯᠵᠦ ᠴᠢᠳᠠᠨ᠎ᠠ᠃ ᠪᠢᠳᠡ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠢ ᠰᠢᠨᠵᠢᠯᠡᠨ ᠪᠠᠶᠢᠴᠠᠭᠠᠬᠤ ᠳᠤ ᠶᠠᠷᠢᠭᠰᠠᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠭᠤᠣᠯᠳᠠᠯᠭ᠎ᠠ ᠶᠢ ᠠᠳᠬᠤᠬᠤ᠂ ᠳᠤᠲᠠᠭᠤᠳᠠᠯ ᠢ ᠨᠦᠬᠦᠪᠦᠷᠢᠯᠡᠬᠦ᠂ ᠪᠠᠭᠤᠷᠠᠢ ᠲᠠᠯ᠎ᠠ ᠪᠠᠨ | ᠬᠦᠴᠦᠷᠭᠡᠭᠵᠢᠭᠦᠯᠬᠦ ᠶᠢ ᠲᠣᠪᠤᠶᠢᠯᠭᠠᠵᠤ᠂ ᠢᠯᠠᠩᠭᠤᠶ᠎ᠠ ᠬᠦᠨᠳᠦ ᠬᠡᠴᠡᠭᠦᠦ ᠲᠥᠭᠰᠢᠭᠦᠷᠢ ᠶᠢ ᠰᠡᠷᠭᠡᠶᠢᠯᠡᠨ ᠠᠷᠢᠯᠭᠠᠬᠤ᠂ ᠲᠦᠢᠯ ᠤᠨ ᠣᠨᠣᠪᠴᠢᠲᠠᠢ ᠪᠠᠷ ᠶᠠᠳᠠᠭᠤ ᠠᠴᠠ | ᠠᠩᠭᠢᠵᠢᠷᠠᠭᠤᠯᠬᠤ᠂ ᠪᠣᠬᠢᠷᠳᠦᠯ ᠢ ᠰᠡᠷᠭᠡᠶᠢᠯᠡᠨ ᠵᠠᠰᠠᠬᠤ ᠰᠢᠪᠲᠦᠯᠦᠯᠲᠠ ᠶᠢᠨ ᠳᠠᠶᠢᠯᠠᠯᠳᠤᠭᠠᠨ ᠨᠤᠭᠤᠳ ᠢ ᠰᠢᠭᠤᠷᠬᠠᠢ ᠰᠠᠶᠢᠨ ᠬᠢᠵᠦ᠂ ᠵᠠᠰᠠᠭ ᠤᠨ ᠣᠷᠳᠣᠨ ᠤ ᠥᠷᠢ | ᠥᠭᠴᠡᠭᠡ ᠶᠢᠨ ᠨᠣᠷᠮ᠎ᠠ ᠶᠢ ᠵᠣᠬᠢᠰᠲᠠᠢ ᠬᠢᠷᠢ ᠲᠦᠪᠰᠢᠨ ᠳᠤ ᠬᠦᠷᠲᠡᠯ᠎ᠡ ᠪᠠᠭᠤᠷᠠᠭᠤᠯᠵᠤ᠂ ᠰᠢᠰᠲ᠋ᠧᠮ ᠤᠨ ᠴᠢᠨᠠᠷᠲᠠᠢ ᠲᠥᠭᠰᠢᠭᠦᠷᠢ ᠥᠯᠥ ᠭᠠᠷᠭᠠᠬᠤ ᠬᠤᠷᠢᠭ᠎ᠠ | ᠱᠤᠭᠤᠮ ᠢ ᠡᠷᠡᠰ ᠰᠠᠬᠢᠨ᠎ᠠ︔ ᠤᠯᠤᠰ ᠤᠨ ᠣᠳᠣ ᠶᠢᠨ ᠬᠡᠷᠡᠭᠵᠢᠬᠦᠯᠵᠦ ᠪᠠᠶᠢᠭ᠎ᠠ ᠪᠠᠷᠢᠮᠵᠢᠶ᠎ᠠ ᠪᠠᠷ ᠮᠠᠯᠵᠢᠬᠤ ᠲᠠᠷᠢᠶᠠᠯᠠᠬᠤ ᠣᠷᠣᠨ ᠤ ᠶᠠᠳᠠᠭᠤ ᠬᠦᠴᠢᠷᠳᠡᠯᠲᠡᠢ ᠬᠦᠮᠦᠨ | ᠠᠮᠠ ᠶᠢ ᠶᠠᠳᠠᠭᠤ ᠠᠴᠠ ᠪᠦᠭᠦᠳᠡ ᠶᠢ ᠠᠩᠭᠢᠵᠢᠷᠠᠭᠤᠯᠵᠦ᠂ ᠶᠠᠳᠠᠭᠤ ᠬᠦᠴᠢᠷᠳᠡᠯᠲᠠᠢ ᠬᠤᠰᠢᠭᠤ ᠰᠢᠶᠠᠨ ᠢ ᠶᠠᠳᠠᠭᠤ ᠶᠢᠨ ᠨᠡᠷ᠎ᠠ ᠠᠴᠠ ᠨᠢ ᠬᠠᠰᠤᠵᠦ ᠭᠠᠷᠭᠠᠨ᠎ᠠ︔ | ᠭᠤᠣᠯ ᠪᠣᠯᠬᠤ ᠪᠣᠬᠢᠷ ᠪᠣᠳᠠᠰ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠶᠡᠬᠡᠪᠡᠷ ᠪᠠᠭᠠᠰᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠥᠷᠭᠦᠯᠵᠢᠯᠡᠨ | ᠰᠠᠶᠢᠵᠢᠷᠠᠭᠤᠯᠤᠨ᠎ᠠ᠃ ᠴᠢᠨᠠᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠰᠠᠭᠤᠷᠢᠨ ᠳᠡᠭᠡᠷ᠎ᠡ᠂ ᠠᠰᠢᠭᠲᠠᠢ ᠪᠠᠶᠢᠳᠠᠯ ᠢ ᠠᠰᠢᠭᠯᠠᠨ᠂ ᠣᠳᠣᠬᠢᠴᠢᠯᠠᠯᠲᠠ ᠶᠢ ᠪᠦᠬᠦ | ᠲᠠᠯ᠎ᠠ ᠪᠠᠷ ᠪᠠᠶᠢᠭᠤᠯᠬᠤ ᠰᠢᠨ᠎ᠡ ᠠᠶᠠᠯᠠᠯ ᠢ ᠡᠬᠢᠯᠡᠭᠦᠯᠵᠦ᠂ ᠠᠵᠤ ᠠᠬᠤᠢ ᠨᠡᠶᠢᠭᠡᠮ ᠤᠨ ᠨᠡᠩ ᠦᠨᠳᠦᠷ ᠬᠢᠷᠢ ᠲᠦᠪᠰᠢᠨ ᠲᠠᠢ᠂ ᠴᠢᠨᠠᠷᠵᠢᠭᠤᠨ ᠬᠥᠭᠵᠢᠯᠲᠡ ᠲᠠᠢ | ᠪᠠᠶᠢᠬᠤ ᠶᠢ ᠠᠬᠢᠭᠤᠯᠤᠨ᠎ᠠ᠃ | ᠬᠤᠶᠢᠰᠢᠲᠠ ᠶᠢᠨ ᠲᠠᠪᠤᠨ ᠵᠢᠯ ᠤᠨ ᠠᠵᠢᠯ ᠢ ᠰᠠᠶᠢᠲᠤᠷ ᠬᠢᠬᠦ ᠳᠤ᠂ ᠪᠢᠳᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠲᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠨ᠂ ︽ᠳᠦᠷᠪᠡᠨ ᠦᠵᠡᠯ | ᠤᠬᠠᠮᠰᠠᠷ︾ ᠢ ᠦᠨᠡᠨᠬᠦ ᠴᠢᠩᠭᠠᠳᠬᠠᠵᠤ᠂ ︽ᠲᠥᠷᠪᠡᠨ ᠢᠲᠡᠭᠡᠯ︾ ᠢᠶᠠᠨ ᠪᠠᠲᠤᠳᠬᠠᠨ᠂ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶ᠎ᠠ ᠶᠢᠨ ᠡᠷᠬᠡ ᠰᠦᠷ ᠪᠠ ᠲᠦᠪᠯᠡᠷᠠᠩᠬᠦᠢ ᠨᠢᠭᠡᠳᠦᠯᠲᠡᠢ ᠤᠳᠤᠷᠢᠳᠤᠯᠭ᠎ᠠ ᠶᠢ ᠤᠬᠠᠮᠰᠠᠷ ᠠᠴᠠ ᠪᠠᠨ ᠬᠠᠮᠠᠭᠠᠯᠠᠵᠤ᠂ ᠦᠵᠡᠯ ᠰᠠᠨᠠᠭ᠎ᠠ ᠤᠯᠤᠰ ᠲᠥᠷᠥ ᠦᠢᠯᠡ | ᠠᠵᠢᠯᠯᠠᠭ᠎ᠠ ᠶᠢᠨ ᠲᠠᠯ᠎ᠠ ᠪᠠᠷ ᠤᠬᠠᠮᠰᠠᠷ ᠠᠴᠠ ᠪᠠᠨ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠲᠥ ᠬᠡᠮᠵᠢᠶᠡᠨ ᠤ | ᠨᠢᠭᠡᠳᠦᠯᠲᠡᠢ ᠪᠠᠶᠢᠬᠤ ᠶᠢ ᠪᠠᠷᠢᠮᠲᠠᠯᠠᠨ᠎ᠠ᠃ | ᠪᠢᠳᠡ ᠲᠣᠭᠲᠠᠭᠤᠨ ᠢᠶᠠᠷ ᠣᠷᠣᠭᠰᠢᠯᠠᠨ ᠳᠠᠪᠰᠢᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠵᠤ᠂ ᠬᠥᠭᠵᠢᠯᠲᠡ ᠶᠢᠨ ᠳᠤᠮᠳᠠᠬᠢ ᠲᠣᠭᠲᠠᠭᠤᠨ | ᠪᠠ ᠳᠠᠪᠰᠢᠯᠲᠠ ᠶᠢᠨ ᠬᠠᠷᠢᠴᠠᠭ᠎ᠠ ᠶᠢ ᠵᠥᠪ ᠣᠨᠣᠪᠴᠢᠲᠠᠢ ᠰᠢᠢᠳᠪᠦᠷᠢᠯᠡᠵᠦ᠂ ᠴᠠᠭ ᠢ ᠠᠵᠢᠵᠦ ᠪᠠᠶᠢᠳᠠᠯ ᠢ ᠰᠢᠨᠵᠢᠵᠦ᠂ ᠭᠦᠨ ᠪᠣᠳᠣᠯᠬᠢᠯᠠᠵᠤ ᠭᠦᠢᠴᠡᠳ ᠰᠡᠳᠭᠢᠨ᠂ | ᠵᠢᠮ᠎ᠠ ᠬᠠᠤᠯᠢ ᠶᠢ ᠴᠢᠬᠤᠯᠠᠴᠢᠯᠠᠵᠤ᠂ ᠠᠵᠢᠯ ᠤᠨ ᠠᠶᠢᠵᠠᠮ ᠪᠠ ᠡᠷᠴᠢᠮ ᠢᠶᠠᠨ ᠰᠠᠶᠢᠲᠤᠷ ᠡᠵᠡᠮᠰᠢᠵᠦ᠂ ᠨᠠᠵᠠᠭᠠᠢ ᠪᠠᠷ ᠠᠷᠭᠠᠴᠠᠬᠤ ᠪᠠ ᠳᠠᠪᠰᠢᠨ ᠴᠢᠷᠮᠠᠶᠢᠬᠤ ᠦᠭᠡᠢ | ᠪᠠᠶᠢᠬᠤ ᠶᠢ ᠡᠰᠡᠷᠭᠦᠴᠡᠬᠦ ᠮᠦᠷᠲᠡᠭᠡᠨ ᠪᠠᠰᠠ ᠬᠡᠶᠢᠷᠬᠡᠨ ᠮᠣᠨᠣᠭᠯᠠᠬᠤ ᠪᠠ ᠲᠦᠷᠭᠡᠨ ᠪᠦᠲᠦᠭᠡᠬᠦ ᠪᠠᠷ ᠬᠥᠭᠡᠭᠡᠴᠡᠯᠳᠦᠬᠦ ᠶᠢ ᠡᠰᠡᠷᠭᠦᠴᠡᠨ᠎ᠡ᠂ ᠲᠣᠭᠲᠠᠭᠤᠨ ᠢᠶᠠᠷ | ᠤᠷᠤᠭᠰᠢᠯᠠᠨ ᠳᠠᠪᠰᠢᠵᠤ᠂ ᠠᠯᠤᠰ ᠤᠨ ᠠᠶᠠᠨ ᠢᠶᠠᠨ ᠯᠠᠪᠳᠠᠭᠤᠨ ᠢᠶᠠᠷ ᠵᠣᠷᠢᠬᠤ ᠶᠢ ᠪᠡᠶᠡᠯᠡᠭᠦᠯᠦᠨ᠎ᠡ᠃ | ᠪᠢᠳᠡ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠵᠤ᠂ ᠴᠢᠨᠠᠷᠵᠢᠭᠤᠨ ᠬᠥᠭᠵᠢᠭᠦᠯᠬᠦ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠨᠡᠶᠢᠭᠡᠮ ᠤᠨ ᠭᠤᠣᠯ ᠵᠦᠷᠢᠴᠡᠯ ᠤᠨ ᠬᠤᠪᠢᠷᠠᠯᠲᠠ ᠲᠠᠢ ᠨᠢᠭᠲᠠ ᠤᠶᠠᠯᠳᠤᠭᠤᠯᠤᠨ᠂ ᠶᠠᠰᠦ ᠴᠢᠨᠠᠷ ᠢ ᠲᠡᠷᠢᠭᠦᠨ ᠳᠤ ᠲᠠᠯᠪᠢᠬᠤ᠂ ᠦᠷ᠎ᠡ ᠪᠦᠲᠦᠮᠵᠢ ᠶᠢ ᠤᠷᠢᠳᠠᠪᠠᠷ | ᠪᠣᠳᠣᠯᠬᠢᠯᠠᠬᠤ ᠶᠢ ᠪᠠᠷᠢᠮᠲᠠᠯᠠᠵᠤ᠂ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠬᠤᠪᠢᠷᠠᠭᠤᠯᠵᠤ᠂ ᠠᠵᠤ ᠠᠬᠤᠢ ᠶᠢᠨ ᠪᠦᠲᠦᠴᠡ ᠶᠢ ᠰᠢᠯᠢᠳᠡᠭᠵᠢᠭᠦᠯᠦᠨ᠂ | ᠮᠠᠨ ᠤ ᠣᠷᠣᠨ ᠤ ᠠᠵᠤ ᠠᠬᠤᠢ ᠶᠢᠨ ᠴᠢᠨᠠᠷᠵᠢᠭᠤᠨ ᠬᠥᠭᠵᠢᠬᠦ ᠶᠢ ᠠᠬᠢᠭᠤᠯᠤᠨ᠎ᠠ᠃ | ᠪᠢᠳᠠ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠦᠪᠯᠡᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ | ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠰᠢᠨᠵᠢᠯᠡᠬᠦ ᠤᠬᠠᠭᠠᠨ ᠰᠤᠷᠭᠠᠨ ᠬᠦᠮᠦᠵᠢᠯ ᠢᠶᠠᠷ ᠤᠯᠤᠰ ᠢᠶᠠᠨ ᠬᠥᠭᠵᠢᠭᠦᠯᠬᠦ | ᠪᠠᠶᠢᠯᠳᠤᠬᠤ ᠪᠣᠳᠣᠯᠭ᠎ᠠ᠂ ᠴᠢᠳᠠᠪᠤᠷᠢᠲᠡᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠨ | ᠬᠥᠭᠵᠢᠭᠦᠯᠬᠦ ᠪᠠᠶᠢᠯᠳᠤᠬᠤ ᠪᠣᠳᠣᠯᠭ᠎ᠠ᠂ ᠬᠦᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠣᠷᠣᠨ ᠪᠦᠰᠡ ᠶᠢᠨ ᠵᠣᠬᠢᠴᠠᠯᠳᠤᠨ ᠬᠥᠭᠵᠢᠬᠦ | ᠪᠠᠶᠢᠯᠳᠤᠬᠤ ᠪᠣᠳᠣᠯᠭ᠎ᠠ᠂ ᠦᠷᠭᠦᠯᠵᠢᠯᠡᠨ ᠬᠥᠭᠵᠢᠭᠦᠯᠬᠦ ᠪᠠᠶᠢᠯᠳᠤᠬᠤ ᠪᠣᠳᠣᠯᠭ᠎ᠠ᠂ ᠴᠡᠷᠢᠭ ᠠᠷᠠᠳ ᠤᠨ ᠠᠭᠤᠰᠤᠯᠴᠠᠨ ᠬᠥᠭᠵᠢᠬᠦ ᠪᠠᠶᠢᠯᠳᠤᠬᠤ ᠪᠣᠳᠣᠯᠭ᠎ᠠ ᠨᠤᠭᠤᠳ ᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ | ᠪᠢᠳᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠨ᠂ ᠨᠡᠮᠡᠭᠳᠡᠯ ᠢ ᠲᠣᠭᠲᠠᠪᠤᠷᠢᠵᠢᠭᠤᠯᠬᠤ᠂ | ᠥᠭᠡᠷᠡᠴᠢᠯᠡᠯᠲᠡ ᠶᠢ ᠠᠬᠢᠭᠤᠯᠬᠤ᠂ ᠪᠦᠳᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠥᠭᠰᠢᠭᠦᠷᠢ ᠶᠢ ᠰᠡᠷᠭᠡᠶᠢᠯᠡᠬᠦ ᠡᠯ᠎ᠡ ᠵᠦᠢᠯ ᠤᠨ | ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠥᠭᠡᠷᠡᠴᠢᠯᠡᠯᠲᠡ ᠨᠡᠬᠡᠭᠡᠯᠲᠡ ᠶᠢ ᠬᠦᠨᠵᠡᠭᠡᠶᠢᠷᠡᠭᠦᠯᠦᠨ᠂ ᠶᠠᠰᠦ ᠴᠢᠨᠠᠷ ᠤᠨ ᠬᠤᠪᠢᠰᠤᠯᠲᠠ᠂ ᠦᠷ᠎ᠡ ᠠᠰᠢᠭ ᠤᠨ | ᠬᠤᠪᠢᠰᠤᠯᠲᠠ᠂ ᠬᠦᠳᠡᠯᠭᠡᠭᠴᠢ ᠬᠦᠴᠦᠨ ᠤ ᠬᠤᠪᠢᠰᠤᠯᠲᠠ ᠶᠢ ᠠᠬᠢᠭᠤᠯᠤᠨ᠎ᠠ᠃ ᠪᠣᠳᠠᠲᠤ ᠴᠣᠭᠴᠠᠳᠤ ᠠᠵᠤ ᠠᠬᠤᠢ᠂ ᠰᠢᠨᠵᠢᠯᠡᠬᠦ ᠤᠬᠠᠭᠠᠨ ᠮᠡᠷᠬᠡᠵᠢᠯ ᠤᠨ ᠰᠢᠨ᠎ᠡ | ᠡᠬᠦᠳᠦᠯᠳᠡ᠂ ᠣᠳᠣ ᠦᠶ᠎ᠡ ᠶᠢᠨ ᠮᠥᠩᠭᠦᠨ ᠭᠦᠢᠯᠭᠡᠭᠡᠨ᠂ ᠬᠦᠮᠦᠨ ᠤ ᠬᠦᠴᠦᠨ ᠤ ᠡᠬᠢ ᠪᠠᠶᠠᠯᠢᠭ ᠤᠨ ᠵᠤᠬᠢᠴᠠᠯᠳᠤᠨ ᠬᠦᠭᠵᠢᠭᠰᠡᠨ ᠠᠵᠤ ᠦᠢᠯᠡᠰ ᠤᠨ | ᠰᠢᠰᠲ᠋ᠧᠮᠵᠢ ᠶᠢ ᠲᠦᠷᠭᠡᠳᠭᠡᠨ ᠪᠠᠶᠢᠭᠤᠯᠵᠤ᠂ ᠳᠥᠷᠢᠮ ᠤᠨ ᠪᠠᠲᠤᠯᠠᠭ᠎ᠠ ᠪᠠᠨ ᠴᠢᠩᠭᠠᠳᠬᠠᠨ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮᠵᠢ ᠶᠢ ᠪᠦᠲᠦᠭᠡᠨ | ᠪᠠᠶᠢᠭᠤᠯᠤᠨ᠎ᠠ᠃ | ᠪᠢᠳᠠ ᠠᠯᠢᠪᠠ ᠠᠵᠢᠯ ᠳᠠᠭᠠᠨ ᠴᠦᠮ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ | ᠬᠦᠰᠡᠯ ᠮᠦᠷᠦᠬᠡᠳᠦᠯ ᠢᠶᠠᠷ ᠮᠠᠨ ᠤ ᠲᠠᠮᠠᠴᠡᠯ ᠤᠨ ᠬᠠᠷᠠᠯᠲᠠ ᠪᠠᠨ ᠪᠣᠯᠭᠠᠨ᠎ᠠ᠃ ᠠᠷᠠᠳ ᠣᠯᠠᠨ ᠤ ᠬᠠᠮᠤᠭ ᠠᠴᠠ ᠰᠡᠳᠭᠢᠯᠭᠡ ᠲᠠᠯᠪᠢᠵᠤ ᠪᠠᠶᠢᠭ᠎ᠠ ᠰᠤᠷᠭᠠᠨ ᠬᠦᠮᠦᠵᠢᠯ᠂ | ᠠᠵᠢᠯ ᠣᠯᠭᠤᠯᠲᠠ᠂ ᠣᠷᠣᠯᠭ᠎ᠠ᠂ ᠣᠷᠣᠨ ᠰᠠᠭᠤᠴᠠ᠂ ᠡᠮᠴᠢᠯᠡᠭᠡ᠂ ᠨᠡᠶᠢᠭᠡᠮ ᠤᠨ ᠪᠠᠲᠤᠯᠠᠭ᠎ᠠ ᠵᠡᠷᠭᠡ ᠠᠰᠠᠭᠤᠳᠠᠯ ᠤᠳ ᠢ ᠰᠠᠶᠢᠲᠤᠷ ᠰᠢᠢᠳᠪᠦᠷᠢᠯᠡᠵᠦ᠂ ᠨᠢᠭᠡ ᠨᠢᠭᠡ | ᠠᠵᠢᠯ ᠶᠠᠪᠤᠳᠠᠯ ᠢᠶᠠᠷ ᠵᠠᠯᠭᠠᠭᠤᠯᠤᠨ ᠭᠦᠢᠴᠡᠳᠭᠡᠵᠦ᠂ ᠨᠢᠭᠡ ᠨᠢᠭᠡ ᠣᠨ ᠵᠢᠯ ᠢᠶᠠᠷ ᠳᠠᠷᠠᠭᠠᠯᠠᠨ ᠬᠢᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠳᠤ | ᠬᠦᠷᠲᠡᠭᠡᠮᠵᠢᠲᠤ ᠰᠡᠳᠬᠢᠯᠭᠡ᠂ ᠵᠣᠯ ᠵᠢᠷᠭᠠᠯᠲᠤ ᠰᠡᠳᠬᠢᠯᠭᠡ ᠪᠠ ᠠᠮᠤᠷ ᠲᠦᠪᠰᠢᠨ ᠰᠡᠳᠭᠢᠯᠭᠡ ᠶᠢ ᠨᠡᠩ ᠢᠯᠡᠬᠦᠤ ᠲᠦᠷᠦᠭᠳᠡᠬᠦᠯᠦᠨᠠ᠃ | ᠭᠤᠷᠪᠠ᠂ 2018 ᠣᠨ ᠤ ᠭᠤᠣᠯ ᠪᠣᠯᠬᠤ ᠠᠵᠢᠯ | ᠡᠨᠡ ᠵᠢᠯ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠣᠣᠱᠯᠠᠭᠤᠯᠬᠤ ᠡᠬᠢᠯᠡᠯᠲᠡ ᠶᠢᠨ ᠣᠨ᠂ ᠥᠭᠡᠷᠡᠴᠢᠯᠡᠯᠲᠡ ᠨᠡᠬᠡᠭᠡᠯᠲᠡ | ᠬᠢᠭᠰᠡᠨ 40 ᠵᠢᠯ ᠤᠨ ᠣᠢ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠰᠢᠢᠳᠪᠦᠷᠢᠲᠦ ᠢᠯᠠᠯᠲᠠ ᠶᠢ ᠣᠯᠬᠤ᠂ ︽13 · 5︾ ᠶᠢᠨ | ᠲᠥᠯᠥᠪᠵᠢᠭᠦᠯᠭᠡ ᠶᠢ ᠬᠡᠷᠡᠭᠵᠢᠭᠦᠯᠬᠦ ᠡᠮᠦᠨ᠎ᠡ ᠬᠤᠶᠢᠨᠠᠬᠢ ᠶᠢ ᠵᠠᠯᠭᠠᠯᠳᠤᠭᠤᠯᠤᠨ ᠡᠬᠢᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠪᠢᠳᠠ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠲᠦᠪ ᠤᠨ ᠠᠵᠦ ᠠᠬᠤᠢ ᠶᠢᠨ ᠠᠵᠢᠯ ᠤᠨ ᠬᠤᠷᠠᠯ᠂ ᠲᠦᠪ ᠤᠨ ᠬᠦᠳᠡᠭᠡ ᠲᠤᠰᠬᠤᠨ ᠤ ᠠᠵᠢᠯ ᠤᠨ ᠬᠤᠷᠠᠯ ᠤᠨ | ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠵᠢᠯ ᠤᠨ ᠪᠠᠶᠢᠷᠢᠯᠠᠭᠤᠯᠤᠯᠳᠠ ᠶᠤᠰᠤᠭᠠᠷ᠂ | ᠠᠰᠠᠭᠤᠳᠠᠯ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠢᠭᠡᠳᠦᠯᠲᠡᠢ ᠲᠥᠯᠦᠪᠯᠡᠨ ᠨᠡᠶᠢᠲᠡ ᠳᠤᠨᠢ ᠬᠠᠷᠠᠭᠠᠯᠵᠠᠵᠤ᠂ ᠭᠤᠣᠯᠳᠠᠯᠭ᠎ᠠ ᠪᠠᠨ | ᠳᠣᠪᠤᠶᠢᠯᠭᠠᠨ᠂ ᠡᠯ᠎ᠡ ᠵᠦᠢᠯ ᠤᠨ ᠠᠵᠢᠯ ᠢᠶᠠᠨ ᠡᠷᠴᠢᠮ ᠲᠠᠢ ᠪᠦᠭᠡᠳ ᠵᠢᠷᠤᠮ ᠲᠠᠢ ᠪᠠᠷ ᠰᠠᠶᠢᠲᠤᠷ ᠬᠢᠵᠦ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ | ᠬᠥᠭᠵᠢᠭᠦ ᠶᠢ ᠠᠬᠢᠭᠤᠯᠤᠨ᠎ᠠ᠃ | ᠡᠨᠡ ᠵᠢᠯ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6.5% ᠣᠷᠴᠢᠮ | ᠨᠡᠮᠡᠭᠳᠡᠭᠦᠯᠦᠨ᠎ᠡ︔ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠬᠠᠩᠰᠢ ᠶᠢᠨ ᠦᠰᠦᠯᠲᠡ ᠶᠢᠨ ᠬᠡᠮᠵᠢᠶ᠎ᠡ ᠶᠢ 3% ᠣᠷᠴᠢᠮ ᠪᠠᠶᠢᠯᠭᠠᠵᠤ᠂ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠬᠦᠮᠦᠨ ᠳᠤᠮᠳᠠᠴᠢ ᠪᠠᠷ ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 7.5% ᠣᠷᠴᠢᠮ ᠨᠡᠮᠡᠭᠳᠡᠭᠦᠯᠦᠨ᠂ ᠬᠤᠲᠠ ᠪᠠᠯᠭᠠᠰᠤ ᠶᠢᠨ ᠠᠵᠢᠯ | ᠣᠯᠣᠭᠰᠠᠳ ᠢ 25 ᠲᠦᠮᠡ ᠣᠷᠴᠢᠮ ᠬᠦᠮᠦᠨ ᠢ ᠰᠢᠨ᠎ᠡ ᠪᠠᠷ ᠨᠡᠮᠡᠭᠳᠡᠭᠦᠯᠦᠨ᠂ ᠬᠤᠲᠠ ᠪᠠᠯᠭᠠᠰᠤ ᠶᠢᠨ ᠪᠠᠶᠢᠴᠠᠭᠠᠨ ᠰᠣᠳᠣᠯᠣᠯᠲᠠ ᠳᠠᠬᠢ ᠠᠵᠢᠯ ᠠᠯᠳᠠᠭᠰᠠᠳ ᠤᠨ | ᠨᠣᠷᠮ᠎ᠠ ᠪᠠ ᠬᠤᠲᠠ ᠪᠠᠯᠭᠠᠰᠤ ᠶᠢᠨ ᠳᠠᠩᠰᠠᠯᠠᠨ ᠲᠡᠮᠳᠡᠭᠯᠡᠭᠦᠯᠦᠭᠰᠡᠨ ᠠᠵᠢᠯ ᠠᠯᠳᠠᠭᠰᠠᠳ ᠤᠨ ᠨᠣᠷᠮ᠎ᠠ ᠶᠢ ᠲᠤᠰ ᠲᠤᠰ 5% ᠣᠷᠴᠢᠮ ᠪᠠ 4% ᠶᠢᠨ ᠳᠣᠲᠣᠷ᠎ᠠ | ᠡᠵᠡᠮᠳᠡᠨ᠎ᠡ᠃ ᠡᠨᠧᠷᠭᠢ ᠠᠷᠪᠢᠯᠠᠵᠤ ᠪᠣᠬᠢᠷ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠᠲᠤ ᠡᠭᠦᠷᠭᠡ ᠶᠢ ᠪᠦᠬᠦ ᠲᠠᠯ᠎ᠠ ᠪᠠᠷ ᠪᠠᠶᠡᠯᠡᠭᠦᠯᠦᠨ᠎ᠡ︔ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠪᠣᠳᠠᠲᠤ ᠴᠢᠨᠠᠷ ᠤᠨ ᠠᠬᠢᠯᠲᠠ ᠲᠠᠢ ᠪᠤᠯᠭᠠᠨ᠎ᠠ︔ ᠮᠦᠩᠭᠦᠨ ᠭᠥᠢᠯᠭᠡᠭᠡ ᠡᠳ᠋ ᠤᠨ | ᠵᠠᠰᠠᠭ ᠤᠨ ᠲᠥᠭᠰᠢᠭᠦᠷᠢ ᠶᠢ ᠵᠢᠷᠤᠮᠲᠠᠢ ᠪᠦᠭᠡᠳ ᠪᠦᠲᠦᠮᠵᠢᠲᠡᠢ ᠰᠡᠷᠭᠡᠶᠢᠯᠡᠨ ᠡᠵᠡᠮᠳᠡᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠣᠨ ᠤ | ᠡᠭᠦᠷᠭᠡ ᠪᠠᠨ ᠪᠡᠶᠡᠯᠡᠭᠦᠯᠦᠨ᠎ᠡ᠃ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠬᠢᠨ᠎ᠡ᠄ | ︵ᠨᠢᠭᠡ︶ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠨ᠎ᠡ᠃ ᠡᠨᠡ ᠨᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠳᠤ | ᠡᠷᠬᠡᠪᠰᠢ ᠳᠠᠪᠠᠭ᠋ᠤ ᠴᠢᠬᠤᠯᠠ ᠪᠤᠭᠤᠮᠲᠠ ᠪᠣᠯᠣᠨ᠎ᠠ᠂ ᠮᠠᠨ ᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠪᠠ ᠠᠵᠢᠯ ᠤᠨ ᠭᠤᠤᠯᠳᠠᠯᠭ᠎ᠠ ᠪᠠᠨ ᠴᠦᠮ ᠭᠤᠷᠪᠠᠨ ᠶᠡᠭᠡ | ᠰᠢᠪᠲᠤᠯᠤᠯᠲᠠ ᠶᠢᠨ ᠳᠠᠶᠢᠯᠠᠯᠳᠤᠭᠠᠨ ᠳᠤ ᠲᠦᠪᠯᠡᠷᠡᠭᠦᠯᠦᠨ ᠴᠢᠭᠯᠡᠭᠦᠯᠵᠦ ᠬᠦᠴᠦ ᠣᠷᠤᠭᠤᠯᠤᠨ ᠴᠢᠷᠮᠠᠶᠢᠬᠤ ᠬᠡᠷᠡᠭᠲᠡᠢ᠃ | ᠬᠦᠨᠳᠦ ᠶᠡᠭᠡ ᠲᠦᠭᠰᠢᠬᠦᠷᠢ ᠶᠢ ᠰᠡᠷᠭᠡᠶᠢᠯᠡᠨ ᠠᠷᠢᠯᠭᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠨ᠎ᠡ᠃ ᠡᠷᠴᠢᠮᠲᠠᠢ ᠠᠷᠭ᠎ᠠ ᠬᠡᠮᠵᠢᠶ᠎ᠡ ᠠᠪᠴᠦ | ᠪᠠᠶᠢᠭᠠᠳ ᠪᠦᠬᠦ ᠣᠷᠣᠨ ᠤ ᠵᠠᠰᠠᠭ ᠤᠨ ᠣᠷᠳᠣᠨ ᠤ ᠥᠷᠢ ᠥᠭᠴᠡᠭᠡ ᠶᠢᠨ ᠨᠣᠷᠮ᠎ᠠ ᠨᠡᠶᠢᠳᠡᠮ ᠦᠨᠳᠦᠷ ᠪᠠᠶᠢᠬᠤ ᠠᠰᠠᠭᠤᠳᠠᠯ ᠢ ᠰᠢᠢᠳᠪᠦᠷᠢᠯᠡᠵᠦ᠂ ᠥᠷᠢ | ᠥᠭᠴᠡᠭᠡ ᠶᠢᠨ ᠨᠡᠮᠡᠭᠳᠡᠯ ᠤᠨ ᠬᠡᠮᠵᠢᠶ᠎ᠡ ᠶᠢ ᠴᠢᠩᠭ᠎ᠠ ᠬᠢᠵᠠᠭᠠᠷᠯᠠᠨ᠂ ᠥᠷᠢ ᠥᠭᠴᠡᠭᠡ ᠶᠢᠨ ᠥᠯᠡᠳᠡᠭᠡᠯ ᠢ ᠡᠮᠬᠢ ᠵᠢᠷᠤᠮ ᠲᠠᠢ ᠪᠠᠷ ᠠᠷᠢᠯᠭᠠᠨ᠎ᠠ᠃ ᠵᠢᠭᠡᠯᠡᠯᠭᠡ ᠠᠪᠬᠤ | ᠦᠢᠯᠡ ᠠᠵᠢᠯᠯᠠᠭ᠎ᠠ ᠶᠢ ᠪᠦᠬᠦ ᠲᠠᠯ᠎ᠠ ᠪᠠᠷ ᠵᠢᠷᠤᠮᠵᠢᠭᠤᠯᠵᠤ᠂ ᠵᠠᠰᠠᠭ ᠤᠨ ᠤᠷᠳᠤᠨ ᠤ ᠰᠢᠨ᠎ᠡ ᠪᠠᠷ ᠨᠡᠮᠡᠭᠳᠡᠬᠦ ᠦᠷᠢ ᠥᠭᠴᠡᠭᠡᠨ ᠳᠤ ᠴᠦᠮ ᠵᠠᠰᠠᠭ ᠤᠨ ᠤᠷᠳᠤᠨ ᠤ | ᠵᠢᠭᠡᠯᠡᠯᠭᠡ ᠶᠢᠨ ᠲᠡᠮᠳᠡᠭᠲᠤ ᠲᠠᠷᠬᠠᠭᠠᠬᠤ ᠠᠷᠭ᠎ᠠ ᠬᠡᠯᠪᠡᠷᠢ ᠶᠢ ᠬᠡᠷᠡᠭᠯᠡᠨ᠎ᠡ᠂ ᠵᠠᠰᠠᠭ ᠤᠨ ᠤᠷᠳᠤᠨ ᠤ ᠰᠢᠨ᠎ᠡ ᠪᠠᠷ ᠨᠡᠮᠡᠭᠳᠡᠬᠦ ᠪᠡᠯᠡ ᠤᠷᠤᠭᠤᠯᠤᠯᠲᠠ ᠶᠢᠨ ᠲᠦᠷᠦᠯ | ᠵᠦᠢᠯ ᠳᠤ ᠦᠷᠢ ᠦᠭᠴᠡᠭᠡ ᠶᠢᠨ ᠲᠦᠭᠰᠢᠭᠦᠷᠢ ᠶᠢ ᠦᠨᠡᠯᠡᠨ ᠵᠢᠱᠢᠬᠦ ᠪᠠ ᠬᠠᠤᠯᠢ ᠶᠤᠰᠤᠴᠢ ᠴᠢᠨᠠᠷ ᠤᠨ ᠬᠢᠨᠠᠨ ᠪᠠᠶᠢᠴᠠᠭᠠᠯᠲᠠ ᠬᠢᠬᠦ ᠶᠢ ᠴᠢᠩᠭ᠎ᠠ ᠬᠡᠷᠡᠭᠵᠢᠭᠦᠯᠦᠨ᠎ᠡ᠃ | ᠵᠠᠰᠠᠭ ᠤᠨ ᠣᠷᠳᠣᠨ ᠬᠢᠬᠡᠳ ᠨᠡᠶᠢᠭᠡᠮ ᠤᠨ ᠬᠦᠷᠦᠩᠭᠡ ᠯᠦᠭᠡ ᠶᠢᠨ ᠬᠠᠮᠲᠤᠷᠠᠯᠴᠠᠭ᠎ᠠ᠂ ᠵᠠᠰᠠᠭ ᠤᠨ ᠣᠷᠳᠣᠨ ᠤ ᠪᠡᠯᠡ ᠣᠷᠤᠭᠤᠯᠤᠯᠲᠠ ᠶᠢᠨ ᠰᠠᠭᠤᠷᠢ ᠮᠦᠩᠭᠦ᠂ | ᠵᠠᠰᠠᠭ ᠤᠨ ᠣᠷᠳᠣᠨ ᠤᠯᠠᠨ ᠨᠡᠶᠢᠳᠡ ᠶᠢᠨ ᠦᠢᠯᠡᠴᠢᠯᠡᠭᠡ ᠬᠤᠳᠠᠯᠳᠤᠨ ᠠᠪᠬᠤ ᠦᠢᠯᠡ ᠠᠵᠢᠯᠯᠠᠭ᠎ᠠ ᠶᠢ ᠬᠠᠤᠯᠢ ᠶᠣᠰᠤᠭᠠᠷ ᠵᠢᠷᠤᠮᠵᠢᠭᠤᠯᠵᠤ᠂ ᠪᠡᠯᠡ | ᠲᠣᠬᠢᠷᠠᠭᠤᠯᠭ᠎ᠠ ᠶᠢᠨ ᠲᠠᠪᠴᠠᠩ ᠤᠨ ᠺᠤᠮᠫᠠᠨᠢ ᠶᠢᠨ ᠵᠠᠬ᠎ᠠ ᠳᠡᠯᠭᠡᠭᠦᠷᠴᠢᠯᠡᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠬᠠᠤᠯᠢ ᠲᠣᠭᠲᠠᠭᠠᠯ ᠠᠴᠠ ᠵᠦᠷᠢᠴᠡᠵᠦ | ᠵᠢᠭᠡᠯᠡᠯᠭᠡ ᠠᠪᠬᠤ ᠶᠢ ᠡᠷᠡᠰ ᠬᠤᠷᠢᠭᠯᠠᠨ᠎ᠠ᠃ ᠣᠨ ᠤ ᠥᠷᠢ ᠥᠭᠴᠡᠭᠡ ᠶᠢ ᠠᠷᠢᠯᠭᠠᠬᠤ ᠲᠥᠰᠥᠯ ᠢᠶᠠᠨ ᠲᠡᠭᠦᠯᠳᠡᠷᠵᠢᠭᠦᠯᠵᠦ᠂ ᠲᠥᠰᠦᠪ ᠤᠨ ᠲᠣᠬᠢᠷᠠᠭᠤᠯᠤᠯᠲᠠ ᠬᠢᠬᠦ᠂ | ᠡᠩ ᠤᠨ ᠴᠢᠨᠠᠷᠲᠠᠢ ᠵᠠᠷᠤᠯᠭ᠎ᠠ ᠶᠢ ᠪᠠᠭᠠᠰᠬᠠᠬᠤ᠂ ᠥᠯᠡᠳᠡᠭᠡᠯ ᠬᠥᠷᠥᠩᠭᠡ ᠶᠢ ᠴᠢᠯᠦᠭᠡᠲᠡᠢ ᠭᠦᠢᠯᠭᠡᠭᠡᠬᠦ ᠵᠡᠷᠭᠡ ᠠᠷᠭ᠎ᠠ ᠬᠡᠮᠵᠢᠶ᠎ᠡ ᠶᠢ ᠠᠪᠴᠦ᠂ ᠲᠦᠯᠦᠪᠯᠡᠭᠡ ᠲᠠᠢ ᠪᠦᠭᠡᠳ | ᠠᠯᠬᠤᠮ ᠳᠠᠷᠠᠭ᠎ᠠ ᠲᠠᠢ ᠪᠠᠷ ᠥᠷᠢ ᠥᠭᠴᠡᠭᠡ ᠶᠢ ᠲᠥᠯᠥᠨ᠎ᠡ᠃ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠭᠰᠠᠨ ᠳᠤ ᠠᠮᠵᠢᠯᠲᠠ ᠪᠦᠲᠦᠮᠵᠢ ᠶᠢ ᠨᠢ | ᠰᠢᠯᠭᠠᠨ ᠬᠢᠨᠠᠬᠤ ᠶᠢ ᠬᠡᠷᠡᠭᠵᠢᠭᠦᠯᠦᠨ᠂ ᠥᠷᠢ ᠥᠭᠴᠡᠭᠡ ᠶᠢ ᠲᠥᠯᠥᠬᠦ ᠪᠠ ᠡᠳ᠋ ᠤᠨ ᠵᠠᠰᠠᠭ ᠤᠨ ᠰᠢᠯᠵᠢᠭᠦᠯᠦᠨ ᠥᠭᠬᠦ ᠯᠦᠭᠡ ᠬᠤᠯᠪᠣᠭᠳᠠᠭᠤᠯᠬᠤ ᠲᠣᠭᠲᠠᠴᠠ ᠶᠢ | ᠪᠠᠶᠢᠭᠤᠯᠤᠨ᠂ ᠥᠷᠢ ᠰᠢᠷᠢ ᠠᠷᠢᠯᠭᠠᠭᠰᠠᠨ ᠦᠷ᠎ᠡ ᠪᠦᠲᠦᠮᠵᠢ ᠪᠠᠷ ᠳᠣᠪᠤᠶᠢᠭᠰᠠᠨ ᠪᠠᠶᠢᠪᠠᠯ ᠰᠢᠯᠵᠢᠭᠦᠯᠦᠨ ᠥᠭᠬᠦ ᠶᠢ ᠨᠢ ᠨᠡᠮᠡᠭᠳᠡᠭᠦᠯᠬᠦ ᠪᠠᠷ ᠤᠷᠮᠠᠰᠢᠭᠤᠯᠤᠨ᠎ᠠ︔ | ᠬᠠᠤᠯᠢ ᠲᠣᠭᠲᠠᠭᠠᠯ ᠠᠴᠠ ᠵᠦᠷᠢᠴᠡᠵᠦ ᠵᠢᠭᠡᠯᠡᠯᠭᠡ ᠠᠪᠬᠤ᠂ ᠥᠷᠢ ᠥᠭᠴᠡᠭᠡ ᠶᠢ ᠠᠷᠢᠯᠭᠠᠬᠤ ᠳᠤ ᠬᠦᠴᠦᠯᠡᠭᠰᠡᠨ ᠦᠭᠡᠢ ᠪᠣᠯ ᠬᠠᠷᠢᠭᠤᠴᠠᠯᠭ᠎ᠠ ᠨᠡᠬᠡᠮᠵᠢᠯᠡᠨ | ᠬᠠᠷᠢᠭᠤᠴᠠᠯᠭ᠎ᠠ ᠬᠡᠯᠡᠯᠴᠡᠨ᠎ᠡ᠃ ᠮᠦᠩᠭᠦᠨ ᠭᠦᠢᠯᠭᠡᠭᠡᠨ ᠤ ᠲᠥᠭᠰᠢᠭᠦᠷᠢ ᠶᠢᠨ ᠰᠡᠷᠭᠡᠶᠢᠯᠡᠬᠦ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠬᠠᠤᠯᠢ | ᠲᠣᠭᠲᠠᠭᠠᠯ ᠠᠴᠠ ᠵᠦᠷᠢᠴᠡᠭᠰᠡᠨ ᠮᠦᠩᠭᠦᠨ ᠭᠦᠢᠯᠭᠡᠭᠡᠨ ᠤ ᠦᠢᠯᠡ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠢᠲᠡᠭᠡᠮᠵᠢ ᠶᠢᠨ ᠲᠥᠭᠰᠢᠭᠦᠷᠢ ᠶᠢ ᠪᠦᠲᠦᠮᠵᠢᠲᠡᠢ ᠪᠠᠷ | ᠰᠡᠷᠭᠡᠶᠢᠯᠡᠨ ᠠᠷᠢᠯᠭᠠᠨ᠎ᠠ᠃ ᠭᠡᠷ ᠪᠠᠶᠢᠰᠢᠩ ᠭᠠᠵᠠᠷ ᠬᠦᠷᠦᠩᠭᠡ᠂ ᠨᠠᠰᠤᠵᠢᠯ ᠤᠨ ᠳᠠᠭᠠᠳᠬᠠᠯ ᠤᠨ ᠰᠠᠭᠤᠷᠢ ᠮᠦᠩᠭᠦ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ | ᠥᠷᠢ ᠥᠭᠴᠡᠭᠡ ᠵᠡᠷᠭᠡ ᠲᠠᠯ᠎ᠠ ᠶᠢᠨ ᠲᠥᠭᠰᠢᠭᠦᠷᠢ ᠶᠢ ᠢᠮᠠᠭᠲᠠ ᠠᠩᠬᠠᠷᠤᠨ᠎ᠠ᠃ | ᠲᠦᠢᠯ ᠤᠨ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠨ᠎ᠡ᠃ ᠨᠡᠩ ᠲᠥᠪᠯᠡᠷᠡᠭᠦᠯᠦᠨ ᠳᠡᠮᠵᠢᠬᠦ᠂ | ᠨᠡᠩ ᠬᠦᠴᠦᠲᠡᠢ ᠠᠷᠭ᠎ᠠ ᠪᠠᠷᠢᠯ ᠢ ᠬᠡᠷᠡᠭᠯᠡᠨ᠂ ᠨᠡᠩ ᠨᠠᠷᠢᠨ ᠨᠢᠮᠪᠠᠢ ᠠᠵᠢᠯᠯᠠᠵᠤ ᠪᠠᠶᠢᠭᠠᠳ ᠪᠦᠬᠦ ᠵᠢᠯ ᠳᠤ 20 ᠲᠦᠮᠡᠨ ᠬᠦᠮᠦᠨ ᠢ ᠶᠠᠳᠠᠭᠤ ᠠᠴᠠ | ᠠᠩᠭᠢᠵᠢᠷᠠᠭᠤᠯᠬᠤ ᠶᠢ ᠦᠨᠡᠨᠬᠦ ᠪᠠᠲᠤᠯᠠᠨ᠎ᠠ᠃ ᠣᠨᠴᠠ ᠲᠣᠭᠲᠠᠭᠠᠭᠰᠠᠨ ᠶᠠᠳᠠᠭᠤ ᠬᠦᠴᠢᠷᠳᠡᠯᠲᠠᠢ ᠣᠯᠠᠨ ᠲᠦᠮᠡᠨ ᠢ ᠲᠤᠶᠢᠯ ᠤᠨ ᠣᠨᠣᠪᠴᠢᠲᠠᠢ ᠬᠠᠪᠰᠤᠷᠤᠨ | ᠲᠡᠳᠭᠦᠬᠦ ᠪᠠᠷ ᠬᠠᠷᠠᠯᠲᠠ ᠪᠣᠯᠭᠠᠵᠤ᠂ ᠬᠦᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠲᠡᠢ ᠬᠦᠮᠦᠨ ᠠᠮᠠ ᠶᠢ ᠠᠵᠤ ᠦᠢᠯᠡᠰ ᠢᠶᠠᠷ ᠶᠠᠳᠠᠭᠤ ᠶᠢ ᠲᠡᠳᠭᠦᠬᠦ᠂ | ᠰᠢᠯᠵᠢᠭᠦᠯᠦᠨ ᠠᠵᠢᠯ ᠣᠯᠭᠤᠬᠤ ᠵᠡᠷᠭᠡ ᠠᠷᠭ᠎ᠠ ᠶᠢ ᠬᠡᠷᠡᠭᠯᠡᠵᠦ ᠪᠠᠶᠢᠭᠠᠳ ᠶᠠᠳᠠᠭᠤ ᠠᠴᠠ ᠨᠢ ᠠᠩᠭᠢᠵᠢᠷᠠᠭᠤᠯᠤᠨ᠎ᠠ︔ ᠬᠦᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ | ᠪᠠᠶᠢᠪᠠᠯ᠂ ᠨᠡᠶᠢᠭᠡᠮ ᠤᠨ ᠪᠠᠲᠤᠯᠠᠭ᠎ᠠ ᠪᠠ ᠠᠪᠤᠷᠠᠨ ᠲᠤᠰᠠᠯᠠᠬᠤ ᠰᠢᠰᠲ᠋ᠧᠮᠵᠢ ᠶᠢ ᠲᠡᠭᠦᠯᠳᠡᠷᠵᠢᠭᠦᠯᠬᠦ ᠪᠠᠷ ᠳᠠᠮᠵᠢᠵᠤ᠂ ᠲᠡᠲᠡᠨ ᠤ ᠦᠨᠳᠦᠰᠦᠨ ᠠᠮᠢᠳᠤᠷᠠᠯ ᠨᠢ | ᠪᠠᠲᠤᠯᠠᠭ᠎ᠠ ᠲᠠᠢ᠂ ᠡᠪᠡᠳᠴᠢᠨ ᠢᠶᠠᠨ ᠦᠵᠡᠭᠦᠯᠬᠦ ᠳᠤ ᠡᠮᠨᠡᠯᠭᠡ ᠲᠠᠢ᠂ ᠵᠡᠮᠳᠡᠭ ᠪᠠᠶᠢᠭᠰᠠᠨ ᠴᠦ ᠲᠤᠰᠠᠯᠠᠮᠵᠢ ᠲᠠᠢ ᠪᠠᠶᠢᠬᠤ ᠪᠣᠯᠭᠠᠨ᠎ᠠ᠃ ᠬᠦᠨᠳᠦ ᠡᠪᠡᠳᠴᠢᠲᠡᠨ ᠢ | ᠳᠠᠭᠠᠭᠠᠨ ᠪᠠᠲᠤᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠶᠠᠳᠠᠭᠤ ᠬᠦᠴᠢᠷᠳᠡᠯᠲᠡᠢ ᠣᠯᠠᠨ ᠲᠦᠮᠡᠨ ᠳᠤ ᠡᠷᠡᠭᠦᠯ ᠡᠩᠬᠡ ᠶᠢᠨ ᠺᠠᠷᠲ ᠵᠣᠬᠢᠶᠠᠵᠤ ᠥᠭᠭᠦᠨ᠎ᠡ᠃ | ᠰᠤᠷᠭᠠᠨ ᠬᠦᠮᠦᠵᠢᠯ ᠤᠨ ᠵᠣᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠶᠠᠳᠠᠭᠤ ᠬᠦᠴᠢᠷᠳᠡᠯᠲᠡᠢ ᠭᠡᠷ ᠪᠦᠯᠢ ᠶᠢᠨ ᠰᠤᠷᠤᠭᠴᠢᠳ ᠤᠨ | ᠰᠤᠷᠭᠠᠭᠤᠯᠢ ᠳᠤ ᠰᠠᠭᠤᠬᠤ ᠵᠠᠪᠰᠢᠶᠠᠨ ᠢ ᠨᠢ ᠠᠯᠳᠠᠭᠤᠯᠵᠤ ᠪᠣᠯᠬᠤ ᠦᠭᠡᠢ᠃ ᠲᠤᠩ ᠶᠠᠳᠠᠭᠤ ᠬᠦᠴᠢᠷᠳᠡᠯᠲᠡᠢ ᠭᠠᠵᠠᠷ ᠣᠷᠣᠨ ᠳᠤ ᠴᠢᠭᠯᠡᠭᠦᠯᠵᠦ ᠬᠦᠴᠦ ᠪᠠᠨ | ᠲᠥᠪᠯᠡᠷᠡᠭᠦᠯᠦᠨ᠂ ᠰᠢᠨ᠎ᠡ ᠪᠠᠷ ᠨᠡᠮᠡᠭᠳᠡᠭᠰᠡᠨ ᠶᠠᠳᠠᠭᠤ ᠶᠢ ᠲᠡᠳᠭᠦᠬᠦ ᠪᠡᠯᠡ ᠮᠦᠩᠭᠦ ᠶᠢ ᠭᠤᠣᠯᠳᠠᠭᠤ ᠲᠤᠩ ᠶᠠᠳᠠᠭᠤ ᠬᠦᠴᠢᠷᠳᠡᠯᠲᠡᠢ ᠭᠠᠵᠠᠷ ᠣᠷᠣᠨ ᠳᠤ ᠬᠡᠷᠡᠭᠯᠡᠵᠦ᠂ | ᠥᠪᠡᠷᠲᠡᠭᠡᠨ ᠵᠠᠰᠠᠬᠤ ᠣᠷᠣᠨ ᠤ ᠰᠢᠯᠵᠢᠭᠦᠯᠦᠨ ᠥᠭᠬᠦ ᠪᠠ ᠲᠥᠰᠥᠪ ᠤᠨ ᠳᠣᠲᠣᠷᠠᠬᠢ ᠪᠡᠯᠡ ᠣᠷᠤᠭᠤᠯᠤᠯᠲᠠ ᠶᠢ ᠴᠦ ᠬᠡᠯᠪᠠᠶᠢᠯᠭᠡᠨ᠂ ᠲᠤᠩ ᠶᠠᠳᠠᠭᠤ ᠬᠦᠴᠢᠷᠳᠡᠯᠲᠡᠢ | ᠭᠠᠵᠠᠷ ᠣᠷᠣᠨ ᠤ ᠣᠯᠠᠨ ᠨᠡᠶᠢᠲᠡ ᠶᠢᠨ ᠦᠢᠯᠡᠴᠢᠯᠡᠭᠡᠨ᠂ ᠰᠠᠭᠤᠷᠢ ᠪᠡᠯᠡᠳᠭᠡᠮᠵᠢ᠂ ᠦᠨᠳᠦᠰᠦᠨ ᠡᠮᠴᠢᠯᠡᠭᠡ ᠶᠢᠨ ᠪᠠᠲᠤᠯᠠᠭ᠎ᠠ ᠪᠠ ᠠᠵᠤ ᠦᠢᠯᠡᠰ ᠢ ᠬᠥᠭᠵᠢᠭᠦᠯᠬᠦ | ᠵᠡᠷᠭᠡ ᠠᠰᠠᠭᠤᠳᠠᠯ ᠤᠳ ᠢ ᠭᠤᠣᠯᠳᠠᠯᠭ᠎ᠠ ᠲᠠᠢ ᠰᠠᠶᠢᠲᠤᠷ ᠰᠢᠢᠳᠪᠦᠷᠢᠯᠡᠨ᠎ᠡ᠃ ᠮᠠᠯᠵᠢᠬᠤ ᠲᠠᠷᠢᠶᠠᠯᠠᠬᠤ ᠣᠷᠣᠨ ᠤ ᠳᠠᠩᠰᠠ ᠡᠪᠬᠡᠮᠡᠯ ᠪᠠᠶᠢᠭᠤᠯᠤᠨ ᠺᠠᠷᠲ ᠠᠪᠣᠭᠰᠠᠨ | ᠶᠠᠳᠠᠭᠤ ᠬᠦᠴᠢᠷᠳᠡᠯᠲᠠᠢ ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠭᠡᠨ ᠵᠠᠰᠠᠬᠤ ᠡᠭᠦᠷᠭᠡ ᠶᠢ ᠪᠡᠶᠡᠯᠡᠭᠦᠯᠦᠨ᠎ᠡ᠃ ᠶᠠᠳᠠᠭᠤ ᠶᠢ ᠲᠡᠳᠭᠦᠬᠦ ᠶᠢ ᠨᠢ ᠢᠲᠡᠭᠡᠯ | ᠵᠣᠷᠢᠭ ᠪᠠ ᠤᠶᠣᠨ ᠤᠬᠠᠭᠠᠨ ᠢ ᠨᠢ ᠲᠡᠳᠭᠦᠬᠦ ᠯᠦᠭᠡ ᠤᠶᠠᠯᠳᠤᠭᠤᠯᠤᠨ᠂ ᠶᠠᠳᠠᠭᠤ ᠬᠦᠴᠢᠷᠳᠡᠯᠲᠡᠢ ᠣᠯᠠᠨ ᠲᠦᠮᠡᠨ ᠤ ᠦᠢᠯᠡᠳᠪᠦᠷᠢᠯᠡᠯ ᠢᠶᠠᠨ ᠬᠥᠭᠵᠢᠭᠦᠯᠬᠦ ᠬᠢᠭᠡᠳ | ᠠᠵᠢᠯ ᠬᠦᠳᠡᠯᠮᠦᠷᠢ ᠬᠢᠵᠦ ᠬᠤᠳᠠᠯᠳᠤᠭ᠎ᠠ ᠡᠷᠬᠢᠯᠡᠬᠦ ᠦᠨᠳᠦᠰᠦᠨ ᠤᠷ᠎ᠠ ᠴᠢᠳᠠᠪᠤᠷᠢ ᠶᠢ ᠨᠢ ᠠᠩᠬᠠᠷᠤᠨ ᠬᠦᠮᠦᠵᠢᠭᠦᠯᠵᠦ᠂ ᠶᠠᠳᠠᠭᠤ ᠬᠦᠴᠢᠷᠳᠡᠯᠲᠡᠢ ᠭᠠᠵᠠᠷ ᠣᠷᠣᠨ ᠪᠠ | ᠶᠠᠳᠠᠭᠤ ᠬᠦᠴᠢᠷᠳᠡᠯᠲᠡᠢ ᠣᠯᠠᠨ ᠲᠦᠮᠡᠨ ᠤ ᠶᠠᠳᠠᠭᠤ ᠠᠴᠠ ᠠᠩᠭᠢᠵᠢᠷᠠᠨ ᠪᠠᠶᠠᠵᠢᠬᠤ ᠳᠣᠲᠣᠭᠠᠳᠤ ᠬᠦᠳᠡᠯᠭᠡᠬᠦ ᠬᠦᠴᠦᠨ ᠪᠠ ᠥᠪᠡᠷ ᠢ ᠪᠠᠨ ᠬᠥᠭᠵᠢᠭᠦᠯᠬᠦ | ᠴᠢᠳᠠᠪᠤᠷᠢ ᠶᠢ ᠨᠢ ᠠᠩᠬᠠᠷᠤᠨ ᠤᠷᠮᠠᠰᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠤ ᠣᠷᠣᠰᠢᠵᠤ ᠪᠠᠶᠢᠭ᠎ᠠ ᠲᠤᠭ᠎ᠠ ᠬᠡᠮᠵᠢᠶ᠎ᠡ ᠶᠢ ᠳᠠᠬᠢᠨ ᠳᠠᠪᠲᠠᠨ | ᠨᠡᠮᠡᠭᠳᠡᠭᠦᠯᠬᠦ᠂ ᠬᠡᠯᠪᠡᠷᠢ ᠶᠢᠨ ᠦᠵᠡᠯ᠂ ᠬᠤᠳᠠᠯ ᠬᠠᠭᠤᠷᠮᠠᠭ ᠢᠶᠠᠷ ᠵᠣᠬᠢᠶᠠᠬᠤ᠂ ᠳᠠᠪᠲᠠᠨ ᠨᠣᠷᠰᠢᠬᠤ ᠵᠡᠷᠭᠡ ᠠᠰᠠᠭᠤᠳᠠᠯ ᠤᠳ ᠢ ᠬᠦᠴᠦᠯᠡᠨ ᠰᠢᠢᠳᠪᠦᠷᠢᠯᠡᠵᠦ᠂ ᠵᠢᠩᠬᠢᠨᠢ | ᠶᠠᠳᠠᠭᠤ ᠶᠢ ᠶᠠᠳᠠᠭᠤ ᠠᠴᠠ ᠠᠩᠬᠢᠵᠢᠷᠠᠭᠤᠯᠵᠦ᠂ ᠶᠠᠳᠠᠭᠤ ᠠᠴᠠ ᠦᠨᠡᠨ ᠠᠩᠬᠢᠵᠢᠷᠠᠭᠤᠯᠬᠤ ᠬᠡᠷᠡᠭᠳᠡᠢ᠃ | ᠪᠣᠬᠢᠷᠳᠣᠯ ᠢ ᠰᠡᠷᠭᠡᠶᠢᠯᠠᠨ ᠵᠠᠰᠠᠬᠤ ᠰᠢᠪᠳᠣᠯᠣᠯᠳᠠ ᠶᠢᠨ ᠳᠠᠶᠢᠯᠠᠯᠳᠣᠭᠠᠨ ᠢ ᠰᠠᠶᠢᠳᠣᠷ ᠬᠢᠨ᠎ᠠ᠃ ᠠᠭᠠᠷ ᠮᠠᠨᠳᠠᠯ ᠤᠨ ᠪᠣᠬᠢᠷᠳᠣᠯ ᠢ ᠵᠠᠰᠠᠬᠤ ᠪᠠᠨ ᠴᠢᠩᠭᠠᠣᠡᠬᠠᠵᠣ᠂ | ᠡᠪᠤᠯ ᠤᠨ ᠣᠯᠠᠷᠢᠯ ᠳᠠᠬᠢ ᠴᠡᠪᠠᠷ ᠲᠣᠯᠠᠭᠠᠯᠠᠭ᠎ᠠ ᠶᠢᠨ ᠲᠦᠯᠣᠪᠯᠡᠭᠡ ᠶᠢ ᠬᠡᠷᠩᠵᠢᠭᠦᠯᠣᠨ᠂ ᠰᠣᠯᠨ ᠨᠡᠭᠦᠷᠡᠰᠣ ᠪᠠ ᠠᠵᠣ ᠦᠢᠯᠡᠣᠡᠪᠣᠷᠢ ᠶᠢᠨ ᠬᠠᠶᠠᠭᠳᠠᠮᠠᠯ ᠬᠡᠢ ᠶᠢ | ᠵᠠᠰᠠᠬᠤ᠂ ᠡᠰᠢ ᠰᠦᠷᠡᠯ ᠢ ᠠᠰᠢᠭᠯᠠᠬᠤ᠂ ᠨᠡᠭᠦᠷᠡᠰᠣ ᠬᠡᠷᠩᠯᠡᠭᠦ ᠠᠴᠠ ᠬᠡᠢ ᠬᠡᠷᠩᠯᠡᠭᠦ ᠪᠣᠯᠭᠠᠨ ᠦᠭᠡᠷᠡᠴᠢᠯᠡᠭᠦ᠂ ᠨᠡᠭᠦᠷᠡᠰᠣ ᠬᠡᠷᠩᠯᠡᠭᠦ ᠠᠴᠠ ᠴᠠᠬᠢᠯᠭᠠᠨ ᠬᠡᠷᠩᠯᠡᠭᠦ ᠪᠣᠯᠭᠠᠨ | ᠦᠭᠡᠷᠡᠴᠢᠯᠡᠭᠦ ᠵᠡᠷᠭᠡ ᠠᠵᠢᠯ ᠢ ᠰᠠᠶᠢᠳᠣᠷ ᠠᠣᠡᠬᠤᠨᠠ᠃ ᠪᠣᠢ ᠪᠦᠭᠦᠢ ᠭᠠᠯ ᠴᠠᠬᠢᠯᠭᠠᠨ ᠤ ᠮᠠᠰᠢᠨ ᠪᠦᠯᠦᠭ ᠪᠦᠭᠦᠨ ᠳᠤ ᠬᠡᠳᠣ ᠪᠠᠭ᠎ᠠ ᠪᠠᠷ ᠭᠠᠳᠠᠭᠰᠢᠯᠠᠭᠤᠯᠬᠤ ᠶᠢ | ᠪᠡᠶᠡᠯᠡᠭᠦᠯᠣᠨ᠎ᠠ᠃ ᠦᠬᠠᠢ ᠵᠢᠴᠢ ᠡᠷᠬᠢᠨ ᠲᠣᠭᠤᠷᠢᠨ ᠳᠠᠬᠢ ᠭᠠᠵᠡᠷ ᠣᠷᠣᠨ ᠤ ᠣᠷᠴᠢᠨ ᠲᠣᠭᠤᠷᠢᠨ ᠢ ᠦᠷᠭᠦᠯᠵᠢᠯᠡᠨ ᠴᠡᠭᠴᠡᠯᠠᠨ ᠵᠠᠰᠠᠨ᠎ᠠ᠃ ᠰᠠᠯᠬᠢ ᠪᠠ ᠨᠠᠷᠠᠨ ᠤ | ᠡᠨᠧᠷᠬᠢ ᠪᠠᠷ ᠴᠠᠬᠢᠯᠭᠠᠨ ᠭᠠᠷᠭᠠᠬᠤ ᠶᠢ ᠲᠠᠶᠠᠬᠳᠠᠵᠦ ᠪᠠᠶᠢᠭ᠎ᠠ ᠠᠰᠠᠭᠤᠳᠠᠯ ᠢ ᠵᠠᠬ᠎ᠠ ᠳᠡᠯᠭᠡᠭᠦᠷᠴᠢᠯᠡᠭᠦ ᠠᠷᠭ᠎ᠠ ᠪᠠᠷ ᠰᠢᠢᠣᠡᠪᠣᠷᠢᠯᠡᠨ᠂ ᠴᠡᠪᠠᠷ ᠴᠠᠬᠢᠯᠭᠠᠨ ᠭᠦᠴᠣᠨ ᠤ | ᠬᠠᠩᠭᠠᠯᠭ᠎ᠠ ᠶᠢ ᠨᠡᠮᠡᠭᠳᠡᠭᠦᠯᠣᠨ᠎ᠠ᠃ ᠣᠰᠣᠨ ᠤ ᠪᠣᠬᠢᠷᠳᠣᠯ ᠢ ᠰᠡᠷᠭᠡᠶᠢᠯᠠᠵᠣ ᠵᠠᠰᠠᠬᠤ ᠲᠦᠯᠣᠪᠯᠡᠭᠡ ᠶᠢ ᠪᠦᠭᠦ ᠳᠠᠯ᠎ᠠ ᠪᠠᠷ ᠨᠠᠶᠢᠳᠠᠪᠣᠷᠢᠵᠢᠭᠤᠯᠵᠣ᠂ ᠭᠦᠯᠣᠨ ᠨᠠᠭᠤᠷ᠂ | ᠣᠯᠠᠭᠠᠨᠰᠣᠬᠠᠢ᠂ ᠳᠠᠭ᠎ᠠ ᠶᠢᠨ ᠨᠠᠭᠤᠷ ᠵᠡᠷᠭᠡ ᠨᠠᠭᠤᠷ ᠴᠦᠭᠦᠷᠣᠮ ᠤᠨ ᠶᠠᠷᠣᠩᠬᠡᠶᠢᠯᠠᠨ ᠵᠠᠰᠠᠬᠤ ᠢᠨᠵᠧᠨᠧᠷᠢᠩ ᠢ ᠭᠦᠨᠵᠡᠭᠡᠢ ᠬᠡᠷᠩᠵᠢᠭᠦᠯᠣᠨ᠂ ᠭᠦᠨᠳᠣ ᠪᠣᠬᠢᠷᠳᠣᠬᠰᠠᠨ | ᠣᠰᠣᠨ ᠤ ᠲᠣᠭᠤᠷᠢᠨ ᠪᠠ ᠪᠣᠬᠢᠷᠳᠣᠯ ᠨᠢ ᠳᠠᠪᠣᠨ ᠲᠦᠷᠣᠯ ᠠᠴᠠ ᠬᠡᠳᠣᠷᠡᠭᠰᠠᠨ ᠣᠭᠳᠣᠯᠣᠭᠠᠰᠣ ᠬᠡᠰᠡᠭ ᠲᠠᠬᠢ ᠪᠣᠬᠢᠷᠳᠣᠯ ᠢ ᠭᠦᠴᠣᠯᠡᠨ ᠠᠷᠢᠯᠭᠠᠵᠣ᠂ ᠣᠰᠣᠨ | ᠰᠣᠷᠪᠣᠯᠵᠢ ᠶᠢᠨ ᠬᠠᠮᠠᠭᠠᠯᠠᠯᠳᠠ ᠶᠢᠨ ᠣᠷᠣᠨ ᠲᠣᠳᠣᠷᠠᠬᠢ ᠬᠠᠣᠯᠢ ᠠᠴᠠ ᠵᠦᠷᠢᠴᠠᠵᠣ ᠪᠠᠶᠢᠭᠤᠯᠣᠭᠰᠠᠨ ᠪᠠᠷᠢᠯᠭ᠎ᠠ ᠪᠠ ᠪᠣᠬᠢᠷᠳᠣᠯ ᠭᠠᠳᠠᠭᠰᠢᠯᠠᠭᠤᠯᠬᠤ ᠠᠮᠠᠰᠠᠷ ᠢ ᠬᠠᠣᠯᠢ | ᠶᠣᠰᠣᠭᠠᠷ ᠠᠷᠢᠯᠭᠠᠨ᠎ᠠ᠃ ᠭᠦᠷᠣᠰᠣ ᠰᠢᠷᠣᠢ ᠶᠢᠨ ᠪᠣᠬᠢᠷᠳᠣᠯ ᠢ ᠰᠡᠷᠭᠡᠶᠢᠯᠠᠨ ᠵᠠᠰᠠᠬᠤ ᠪᠠ ᠭᠦᠨᠳᠣ ᠳᠡᠮᠦᠷᠯᠢᠭ ᠤᠨ ᠭᠠᠳᠠᠭᠰᠢᠯᠠᠯᠳᠠ ᠶᠢ ᠪᠠᠭᠠᠰᠬᠠᠬᠤ ᠡᠷᠴᠢᠮ ᠢᠶᠠᠨ | ᠴᠢᠩᠭᠠᠷᠠᠭᠤᠯᠵᠣ᠂ ᠳᠠᠷᠢᠶᠠᠯᠠᠩ ᠳᠤ ᠬᠡᠷᠩᠯᠡᠭᠦ ᠭᠠᠵᠡᠷ ᠤᠨ ᠭᠦᠷᠣᠰᠣ ᠰᠢᠷᠣᠢ ᠶᠢᠨ ᠪᠣᠬᠢᠷᠳᠣᠯ ᠤᠨ ᠪᠠᠶᠢᠳᠠᠯ ᠢ ᠪᠠᠶᠢᠴᠠᠭᠠᠵᠣ᠂ ᠪᠣᠷᠳᠣᠭᠤᠷ᠂ ᠡᠮ᠂ ᠵᠣᠯᠣᠮ᠎ᠠ ᠶᠢ ᠣᠯᠠᠮ | ᠨᠢᠭᠡ ᠠᠯᠬᠤᠮ ᠡᠵᠡᠮᠳᠠᠵᠣ᠂ ᠳᠠᠷᠢᠶᠠᠯᠠᠩ ᠤᠨ ᠣᠯᠠᠨ ᠡᠬᠢᠳᠣ ᠰᠣᠷᠪᠣᠯᠵᠢ ᠶᠢᠨ ᠪᠣᠬᠢᠷᠳᠣᠯ ᠢ ᠡᠬᠢ ᠢᠷᠡᠯᠳᠠ ᠠᠴᠠ ᠨᠢ ᠵᠠᠰᠠᠨ᠎ᠠ᠃ ᠠᠭᠤᠷᠬᠠᠢ ᠶᠢᠨ ᠤᠷᠤᠨ ᠪᠠ ᠠᠵᠦ | ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠤᠷᠴᠢᠨ ᠲᠤᠭᠤᠷᠢᠨ ᠢ ᠴᠡᠭᠴᠡᠯᠡᠨ ᠵᠠᠰᠠᠵᠦ᠂ ᠪᠠᠶᠢᠭᠠᠯᠢ ᠶᠢᠨ ᠬᠠᠮᠠᠭᠠᠯᠠᠯᠳᠠ ᠶᠢᠨ ᠣᠷᠣᠨ ᠳᠠᠬᠢ ᠦᠢᠯᠡᠣᠡᠪᠣᠷᠢ | ᠠᠭᠤᠷᠬᠠᠢ ᠶᠢᠨ ᠠᠵᠣ ᠠᠬᠤᠶᠢᠯᠡᠯ ᠢ ᠬᠠᠣᠯᠢ ᠶᠣᠰᠣᠭᠠᠷ ᠡᠮᠬᠢ ᠵᠢᠷᠣᠮ ᠲᠠᠢ ᠪᠠᠷ ᠪᠣᠴᠠᠭᠠᠨ ᠭᠠᠷᠭᠠᠨ᠎ᠠ᠃ | ︵ᠬᠤᠶᠠᠷ︶ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠠᠵᠤ ᠠᠬᠤᠶ ᠶᠢ ᠬᠥᠭᠵᠢᠭᠦᠯᠬᠦ ᠬᠦᠴᠦᠯᠡᠬᠦ | ᠴᠢᠬ ᠢ ᠪᠣᠳᠠᠲᠤ ᠴᠣᠭᠴᠠᠳᠣ ᠠᠵᠤ ᠠᠬᠤᠶ ᠶᠢᠨ ᠳᠠᠯ᠎ᠠ ᠳᠤ ᠳᠠᠯᠪᠢᠨ᠂ ᠭᠦᠴᠣᠨ ᠵᠦᠢᠯ ᠤᠨ ᠳᠤᠬᠢᠷᠠᠭᠤᠯᠤᠯᠲᠠ ᠶᠢ ᠰᠢᠯᠢᠳᠡᠭᠵᠢᠭᠦᠯᠵᠦ᠂ ᠬᠠᠩᠭᠠᠯᠭ᠎ᠠ ᠶᠢᠨ | ᠰᠢᠰᠲ᠋ᠧᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠣᠨ᠎ᠠ᠃ | ᠬᠦᠴᠦᠨ ᠦᠭᠡᠢ ᠬᠠᠩᠭᠠᠯᠭ᠎ᠠ ᠶᠢ ᠭᠦᠴᠣᠳᠠᠢ ᠠᠷᠢᠯᠭᠠᠨ᠎ᠠ᠃ ᠵᠠᠬ᠎ᠠ ᠳᠡᠯᠭᠡᠭᠦᠷᠴᠢᠯᠡᠭᠦ᠂ ᠬᠠᠣᠯᠢ ᠪᠠᠷ ᠵᠠᠰᠠᠬᠤ ᠠᠷᠭ᠎ᠠ ᠪᠠᠷᠢᠯ ᠢ ᠬᠡᠷᠩᠯᠡᠨ ᠦᠯᠡᠭᠦᠳᠠᠵᠣ ᠪᠠᠶᠢᠭ᠎ᠠ | ᠦᠢᠯᠡᠣᠡᠪᠣᠷᠢᠯᠡᠭᠦ ᠴᠢᠳᠠᠮᠵᠢ ᠶᠢ ᠠᠷᠢᠯᠭᠠᠬᠤ ᠶᠢ ᠪᠠᠷᠢᠮᠳᠠᠯᠠᠨ᠂ ᠶᠠᠰᠤ ᠴᠢᠨᠠᠷ᠂ ᠣᠷᠴᠢᠨ ᠲᠣᠭᠤᠷᠢᠨ ᠤ ᠬᠠᠮᠠᠭᠠᠯᠠᠯᠳᠠ᠂ ᠡᠨᠧᠷᠭᠢ ᠶᠢᠨ ᠬᠤᠷᠣᠭᠳᠠᠯ᠂ ᠠᠮᠤᠷ ᠲᠦᠪᠰᠢᠨ | ᠵᠡᠷᠭᠡ ᠬᠠᠤᠯᠢ ᠲᠣᠭᠲᠠᠭᠠᠯ ᠤᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠦᠯᠡᠭᠦᠳᠠᠵᠣ ᠪᠠᠶᠢᠭ᠎ᠠ ᠦᠢᠯᠡᠣᠡᠪᠣᠷᠢᠯᠡᠭᠦ ᠴᠢᠳᠠᠮᠵᠢ ᠶᠢ ᠵᠠᠬ᠎ᠠ ᠳᠡᠯᠭᠡᠭᠦᠷ ᠠᠴᠠ ᠠᠷᠢᠯᠭᠠᠨ | ᠭᠠᠷᠭᠠᠬᠤ ᠶᠢ ᠲᠦᠷᠭᠡᠣᠡᠭᠡᠨ᠎ᠠ᠃ ᠡᠨᠠ ᠵᠢᠯ ᠳᠤ 405 ᠲᠦᠮᠡᠨ ᠲᠣᠨ ᠨᠡᠭᠦᠷᠡᠰᠣᠨ ᠤ ᠦᠢᠯᠡᠳᠪᠦᠷᠢᠯᠡᠬᠦ ᠴᠢᠳᠠᠮᠵᠢ ᠶᠢ ᠪᠤᠴᠠᠭᠠᠨ ᠭᠠᠷᠭᠠᠵᠣ᠂ ᠨᠡᠭᠦᠷᠡᠰᠣ ᠪᠠᠷ | ᠭᠠᠷᠭᠠᠬᠤ ᠴᠠᠬᠢᠯᠭᠠᠨ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠠᠵᠢᠯ ᠲᠦᠷᠣᠯ ᠤᠨ ᠦᠢᠯᠡᠣᠡᠪᠣᠷᠢᠯᠡᠭᠦ ᠴᠢᠳᠠᠮᠵᠢ ᠶᠢ ᠪᠠᠭᠤᠷᠠᠭᠤᠯᠬᠤ ᠠᠵᠢᠯ ᠢ ᠨᠢᠭᠡᠳᠣᠯᠳᠠᠢ ᠲᠦᠯᠣᠪᠯᠡᠨ | ᠰᠠᠶᠢᠳᠣᠷ ᠬᠢᠨ᠎ᠠ᠃ ︽ᠦᠬᠦᠰᠢᠷᠡᠮᠡᠯ ᠠᠵᠤ ᠠᠬᠤᠶᠢᠯᠠᠯ︾ ᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠪᠣᠴᠠᠭᠠᠵᠣ ᠭᠠᠷᠭᠠᠬᠤ ᠨᠠᠷᠢᠨ ᠳᠠᠩᠰᠨ ᠶᠢ ᠲᠣᠭᠳᠠᠭᠠᠨ | ᠂ ᠳᠠᠮᠫᠤᠷᠠᠬᠤ ᠪᠠ ᠲᠠᠬᠢᠨ ᠵᠣᠬᠢᠶᠠᠨ ᠪᠠᠶᠢᠭᠤᠯᠬᠤ ᠲᠣᠭᠲᠠᠴᠠ ᠶᠢ ᠪᠠᠶᠢᠭᠤᠯᠣᠨ ᠲᠡᠭᠦᠯᠳᠡᠷᠵᠢᠭᠦᠯᠵᠣ᠂ ᠠᠵᠣ ᠠᠬᠤᠶᠢᠯᠠᠯ ᠤᠨ ᠦᠷᠢ ᠦᠭᠴᠡᠭᠡ ᠶᠢ ᠠᠷᠭᠠᠴᠠᠭᠠᠨ | ᠰᠢᠢᠣᠡᠪᠣᠷᠢᠯᠡᠭᠦ ᠪᠠ ᠠᠵᠢᠯᠳᠠᠨ ᠠᠵᠢᠯᠴᠢᠣᠨ ᠤᠨ ᠲᠦᠪᠬᠢᠨᠠᠭᠦᠯᠭᠦ ᠠᠵᠢᠯ ᠢ ᠰᠠᠶᠢᠳᠣᠷ ᠬᠢᠨ᠎ᠠ᠃ | ᠰᠢᠨ᠎ᠡ ᠬᠦᠳᠡᠯᠬᠡᠬᠦ ᠴᠢᠳᠠᠪᠤᠷᠢ ᠶᠢ ᠶᠡᠭᠡ ᠪᠠᠷ ᠪᠤᠶᠢᠵᠢᠭᠤᠯᠣᠨ᠎ᠠ᠃ ᠰᠢᠨ᠎ᠡ ᠮᠡᠷᠭᠡᠵᠢᠯ᠂ ᠰᠢᠨ᠎ᠡ ᠡᠵᠡᠩᠨᠡᠯᠲᠡ ᠶᠢᠨ ᠪᠠᠶᠢᠳᠠᠯ᠂ ᠰᠢᠨ᠎ᠡ ᠵᠠᠭᠪᠤᠷ ᠢ ᠠᠰᠢᠭᠯᠠᠵᠣ | ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠬᠢᠶᠡᠰᠣ ᠶᠢ ᠤᠷᠲᠤᠳᠬᠠᠨ᠂ ᠡᠨᠧᠷᠬᠢ᠂ ᠬᠢᠮᠢ ᠶᠢᠨ ᠠᠵᠣ ᠦᠢᠯᠡᠣᠡᠪᠣᠷᠢ᠂ | ᠪᠣᠯᠣᠣᠨ ᠳᠡᠮᠣᠷ᠂ ᠲᠣᠨᠤᠭ ᠲᠦᠭᠦᠭᠡᠷᠣᠮᠵᠢ ᠦᠢᠯᠡᠣᠡᠪᠣᠷᠢᠯᠡᠭᠦ ᠵᠡᠷᠭᠡ ᠠᠵᠣ ᠦᠢᠯᠡᠰ ᠤᠨ ᠳᠡᠭᠡᠳᠣ ᠦᠵᠣᠭᠦᠷ ᠳᠡᠰᠢ ᠭᠦᠭᠵᠢᠭᠦ ᠶᠢ ᠲᠦᠯᠬᠢᠨ ᠠᠬᠢᠭᠤᠯᠣᠨ᠎ᠠ᠃ | ᠤᠯᠤᠰ ᠤᠨ ᠲᠤᠮᠤ ᠳ᠋ᠠᠶᠢᠲ᠋ᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠣᠭᠠᠵᠢᠭᠤᠯᠣᠭᠰᠠᠨ ᠠᠵᠣ | ᠠᠬᠤᠢ ᠶᠢ ᠭᠦᠭᠵᠢᠭᠦᠯᠣᠨ᠂ ᠢᠨᠲ᠋ᠧᠷ ᠰᠦᠯᠵᠢᠶ᠎ᠠ᠂ ᠲᠤᠮᠤ ᠳ᠋ᠠᠶᠢᠲ᠋ᠠ᠂ ᠬᠢᠮᠡᠯ ᠤᠶᠦᠠ ᠬᠢᠬᠡᠳ ᠪᠣᠳᠠᠲᠤ ᠴᠣᠭᠴᠠᠳᠣ ᠠᠵᠤ ᠠᠬᠤᠶ ᠶᠢᠨ ᠬᠦᠨ ᠠᠭᠤᠰᠣᠯᠴᠠᠬᠤ ᠶᠢ | ᠠᠬᠢᠭᠤᠯᠣᠨ᠎ᠠ᠃ ᠳᠡᠭᠡᠳᠣ ᠦᠵᠣᠭᠦᠷ ᠤᠨ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠴᠡᠪᠡᠷ ᠡᠨᠧᠷᠭᠢ᠂ ᠠᠮᠢᠳᠣ ᠪᠣᠳᠠᠰ ᠤᠨ ᠡᠮ᠂ ᠮᠣᠩᠭᠤᠯ | ᠬᠢᠲᠠᠳ ᠡᠮ ᠡᠮᠨᠡᠯᠭᠡ ᠵᠡᠷᠭᠡ ᠠᠵᠤ ᠦᠢᠯᠡᠰ ᠢ ᠪᠤᠶᠢᠵᠢᠭᠤᠯᠣᠨ᠎ᠠ᠃ ᠪᠠᠷᠠᠭᠠᠨ ᠤ ᠭᠦᠢᠯᠭᠡᠭᠡ ᠶᠢᠨ ᠲᠦᠪᠯᠡᠷᠠᠭᠦᠯᠵᠣ ᠬᠤᠪᠢᠶᠠᠷᠢᠯᠠᠬᠤ᠂ ᠡᠳ᠋ᠰᠢᠭᠦᠯᠣᠨ ᠦᠢᠯᠡᠣᠡᠪᠣᠷᠢᠯᠡᠵᠣ | ᠪᠣᠭᠤᠳᠠᠯᠯᠠᠬᠤ᠂ ᠭᠦᠢᠳᠠᠨ ᠬᠡᠯᠬᠢᠶᠡᠳᠣ ᠲᠣᠬᠢᠷᠠᠭᠤᠯᠣᠨ ᠭᠦᠷᠭᠡᠭᠦ ᠵᠡᠷᠭᠡ ᠳᠠᠪᠴᠠᠩ ᠢ ᠪᠠᠶᠢᠭᠤᠯᠵᠣ᠂ ᠣᠳᠣ ᠦᠶ᠎ᠠ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ | ᠭᠦᠭᠵᠢᠯᠳᠠ ᠶᠢ ᠳᠡᠮᠵᠢᠨ᠎ᠠ᠃ ᠪᠣᠬᠢᠷᠳᠣᠯ ᠦᠭᠡᠢ ᠭᠦᠭᠵᠢᠯᠳᠠ ᠶᠢᠨ ᠣᠨᠣᠯᠵᠢᠬᠤᠨ ᠢ ᠵᠢᠭᠤᠯᠴᠢᠯᠠᠯ ᠤᠨ ᠭᠦᠭᠵᠢᠯᠳᠠ ᠶᠢᠨ ᠪᠦᠭᠦ ᠶᠠᠪᠣᠴᠨ ᠳᠤ ᠠᠭᠤᠰᠣᠯᠴᠠᠭᠤᠯᠵᠣ᠂ | ᠵᠢᠭᠤᠯᠴᠢᠯᠠᠯ ᠤᠨ ᠦᠢᠯᠡᠰ ᠲᠠᠬᠢ ᠰᠣᠶᠣᠯ ᠤᠨ ᠠᠭᠤᠯᠣᠭᠳᠠᠬᠤᠨ ᠢ ᠳᠡᠭᠡᠭᠰᠢᠯᠡᠭᠦᠯᠣᠨ᠂ ᠴᠢᠨᠠᠷ ᠰᠠᠶᠢᠳᠠᠢ ᠪᠠᠷ᠂ ᠦᠨᠳᠣᠷ ᠲᠦᠪᠰᠢᠨ ᠲᠠᠢ ᠪᠠᠷ ᠵᠢᠭᠤᠯᠴᠢᠯᠠᠯ ᠤᠨ | ᠦᠢᠯᠡᠰ ᠢ ᠭᠦᠭᠵᠢᠭᠦᠯᠣᠨ᠎ᠠ᠃ ᠰᠤᠶᠤᠯ᠂ ᠪᠡᠶ᠎ᠠ ᠶᠢᠨ ᠲᠠᠮᠢᠷ ᠤᠨ ᠠᠵᠦ ᠦᠢᠯᠡᠰ ᠪᠠ ᠡᠯᠧᠺᠲᠷᠣᠨ ᠬᠤᠳᠠᠯᠳᠣᠭᠠᠨ ᠤ ᠶᠠᠪᠣᠳᠠᠯ᠂ ᠪᠦᠳᠣᠭᠡᠯᠴᠢ ᠲᠦᠰᠣᠪᠯᠡᠯᠳᠣ ᠵᠢᠷᠤᠭ | ᠲᠦᠯᠣᠪᠯᠡᠭᠡ᠂ ᠮᠡᠳᠡᠭᠡ ᠵᠠᠩᠬᠢ ᠶᠢᠨ ᠯᠠᠪᠯᠠᠯᠭ᠎ᠠ᠂ ᠡᠷᠡᠭᠦᠯ ᠮᠠᠨᠳᠣ ᠨᠠᠰᠣᠵᠢᠯ ᠤᠨ ᠠᠰᠠᠷᠠᠮᠵᠢ᠂ ᠠᠷᠠᠯᠵᠢᠶ᠎ᠠ ᠬᠤᠳᠠᠯᠳᠣᠭᠠᠨ ᠤ ᠴᠣᠭᠯᠠᠭᠠᠨ ᠦᠵᠡᠭᠦᠯᠣᠯᠭᠡ ᠵᠡᠷᠭᠡ | ᠦᠢᠯᠡᠴᠢᠯᠡᠭᠡᠨ ᠤ ᠦᠢᠯᠡᠰ ᠢ ᠭᠦᠭᠵᠢᠭᠦᠯᠣᠨ᠎ᠠ᠃ ᠨᠡᠷᠡᠳᠣ ᠲᠦᠷᠣᠯ ᠳᠡᠮᠳᠡᠭᠳᠣ ᠶᠢᠨ ᠪᠠᠶᠢᠯᠳᠣᠬᠤ ᠪᠣᠳᠣᠯᠭ᠎ᠠ ᠶᠢ ᠭᠦᠨᠵᠡᠭᠡᠢ ᠬᠡᠷᠩᠵᠢᠭᠦᠯᠵᠣ᠂ ᠶᠠᠰᠣ ᠴᠢᠨᠠᠷ ᠢ | ᠳᠡᠭᠡᠭᠰᠢᠯᠡᠭᠦᠯᠭᠦ ᠠᠵᠢᠯᠯᠠᠭ᠎ᠠ ᠶᠢ ᠦᠷᠨᠢᠭᠦᠯᠣᠨ᠂ ᠦᠨᠳᠣᠷ ᠪᠠᠷᠢᠮᠵᠢᠶ᠎ᠠ ᠪᠠᠷ ᠴᠢᠨᠠᠷ ᠰᠠᠶᠢᠳᠠᠢ ᠪᠠᠶᠢᠯᠭᠠᠬᠤ ᠶᠢ ᠳᠠᠶᠢᠴᠢᠯᠠᠨ᠎ᠠ᠃ | ᠪᠣᠳᠠᠲᠤ ᠴᠣᠭᠴᠠᠳᠣ ᠠᠵᠤ ᠠᠬᠤᠶ ᠶᠢᠨ ᠥᠪᠡᠷ ᠤᠨ ᠦᠷᠲᠡᠭ ᠢ ᠶᠡᠬᠡᠪᠡᠷ ᠪᠠᠭᠤᠷᠠᠭᠤᠯᠣᠨ᠎ᠠ᠃ ᠠᠵᠤ ᠠᠬᠤᠶᠢᠯᠠᠯ ᠳᠤ ᠬᠤᠯᠪᠣᠭᠳᠠᠭᠰᠠᠨ ᠬᠤᠷᠢᠶᠠᠬᠤ | ᠰᠦᠢᠳᠬᠡᠯ ᠢ ᠦᠷᠭᠦᠯᠵᠢᠯᠡᠨ ᠴᠡᠪᠡᠷᠯᠡᠵᠦ ᠵᠢᠷᠤᠮᠵᠢᠭᠤᠯᠤᠨ᠂ ᠦᠢᠯᠡᠳᠬᠦ ᠦᠢᠯᠡᠰ ᠤᠨ ᠦᠷᠳᠡᠭ ᠨᠡᠮᠡᠭᠳᠡᠯ ᠤᠨ ᠭᠠᠶᠢᠯᠢ ᠪᠠ ᠵᠢᠵᠢᠭ ᠪᠢᠴᠢᠯ ᠠᠵᠤ ᠠᠬᠤᠶᠢᠯᠠᠯ ᠤᠨ | ᠠᠰᠢᠭ ᠣᠯᠵᠠᠪᠣᠷᠢ ᠶᠢᠨ ᠭᠠᠶᠢᠯᠢ ᠶᠢ ᠪᠠᠭᠤᠷᠠᠭᠤᠯᠬᠤ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠴᠠᠬᠢᠯᠭᠠᠨ ᠬᠦᠴᠣᠨ᠂ ᠵᠠᠮ | ᠬᠠᠷᠢᠯᠴᠠᠭ᠎ᠠ᠂ ᠮᠥᠩᠭᠦᠨ ᠭᠦᠢᠯᠭᠡᠭᠡᠨ ᠤ ᠬᠦᠷᠢᠶ᠎ᠡ ᠴᠠᠷᠠᠭᠠᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠣ᠂ ᠠᠵᠤ ᠠᠬᠤᠶᠢᠯᠠᠯ ᠤᠨ ᠲᠦᠷᠢᠮ ᠤᠨ ᠴᠢᠨᠠᠷᠲᠠᠶ | ᠠᠷᠠᠯᠵᠢᠶᠠᠯᠠᠬᠤ ᠥᠪᠡᠷ ᠤᠨ ᠦᠷᠳᠡᠭ ᠪᠠ ᠡᠨᠧᠷᠭᠢ ᠶᠢᠨ ᠬᠡᠷᠡᠭᠯᠡᠯᠳᠠ᠂ ᠪᠠᠷᠠᠭᠠᠨ ᠤ ᠭᠦᠢᠯᠭᠡᠭᠡ᠂ ᠪᠡᠯᠡ ᠲᠣᠬᠢᠷᠠᠭᠤᠯᠭ᠎ᠠ ᠵᠡᠷᠭᠡ ᠭᠦᠴᠣᠨ ᠵᠦᠢᠯ ᠤᠨ ᠥᠪᠡᠷ ᠤᠨ | ᠦᠷᠳᠡᠭ ᠢ ᠪᠠᠭᠤᠷᠠᠭᠤᠯᠣᠨ᠎ᠠ᠃ ᠪᠡᠯᠨ ᠲᠣᠬᠢᠷᠠᠭᠤᠯᠭ᠎ᠠ ᠶᠢᠨ ᠪᠦᠳᠣᠴᠨ ᠶᠢ ᠰᠢᠯᠢᠳᠡᠭᠵᠢᠭᠦᠯᠵᠣ᠂ ᠠᠵᠣ ᠠᠬᠤᠶᠢᠯᠡᠯ ᠤᠨ ᠵᠠᠬ᠎ᠠ ᠳᠡᠯᠭᠡᠭᠦᠷ ᠲᠤ ᠭᠠᠷᠬᠤ ᠶᠢ ᠠᠬᠢᠭᠤᠯᠣᠨ᠂ | ᠰᠢᠭᠤᠣᠨ ᠪᠡᠯᠨ ᠲᠣᠬᠢᠷᠠᠭᠤᠯᠬᠤ ᠢᠯᠡᠩᠭᠤᠶ᠎ᠠ ᠰᠲ᠋ᠣᠺ ᠤᠨ ᠡᠷᠭᠡ ᠪᠠᠷ ᠪᠡᠯᠨ ᠲᠣᠬᠢᠷᠠᠭᠤᠯᠬᠤ ᠬᠤᠪᠢ ᠶᠢᠨ ᠵᠢᠩ ᠢ ᠳᠡᠭᠡᠭᠰᠢᠯᠡᠭᠦᠯᠣᠨ᠎ᠠ᠃ | ᠪᠦᠲᠦᠮᠵᠢᠳᠠᠢ ᠪᠡᠯᠡ ᠣᠷᠣᠭᠤᠯᠤᠯᠲᠠ ᠶᠢ ᠢᠳᠡᠪᠬᠢᠲᠡᠶ ᠠᠬᠢᠭᠤᠯᠣᠨ᠎ᠠ᠃ ᠳᠤᠲᠠᠭᠤᠳᠠᠯ ᠢ ᠨᠥᠬᠦᠪᠥᠷᠢᠯᠡᠬᠦ ᠪᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢ | ᠰᠢᠯᠢᠳᠡᠭᠵᠢᠭᠦᠯᠭᠦ ᠶᠢᠨ ᠲᠣᠭᠤᠷᠢᠨ ᠳᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠬᠥᠲᠥᠯᠥᠨ ᠵᠢᠯᠣᠭᠤᠳᠬᠤ ᠦᠢᠯᠡᠳᠦᠯ ᠢ ᠪᠠᠳᠠᠷᠠᠭᠤᠯᠣᠨ᠂ ᠠᠷᠠᠳ ᠤᠨ | ᠲᠣᠮᠳᠠᠬᠢ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠠ᠃ ᠠᠷᠠᠳ ᠤᠨ ᠠᠮᠢᠳᠤᠷᠠᠯ ᠤᠨ ᠭᠦᠷᠢᠶ᠎ᠡ ᠴᠠᠷᠠᠭ᠎ᠠ᠂ ︽ᠮᠠᠯᠵᠢᠬᠤ ᠳᠠᠷᠢᠶᠠᠯᠠᠬᠤ 365赢多少钱会被限额_国内有真正的365平台吗_365bet博彩官网 | ᠣᠷᠣᠨ᠂ ᠮᠠᠯ ᠲᠠᠷᠢᠶᠠᠯᠠᠩ᠂ ᠮᠠᠯᠴᠢᠨ ᠳᠠᠷᠢᠶᠠᠴᠢᠨ︾᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ | ᠵᠡᠷᠭᠡ ᠳᠠᠯ᠎ᠠ ᠶᠢᠨ ᠪᠡᠯᠨ ᠣᠷᠣᠭᠤᠯᠣᠯᠳᠠ ᠶᠢᠨ ᠡᠷᠴᠢᠮ ᠢ ᠴᠢᠩᠭᠠᠷᠠᠭᠤᠯᠣᠨ᠎ᠠ᠃ ᠵᠠᠰᠠᠮᠠᠯ ᠵᠠᠮ᠂ ᠳᠡᠮᠣᠷ ᠵᠠᠮ ᠵᠡᠷᠭᠡ ᠰᠠᠭᠤᠷᠢ ᠪᠡᠯᠡᠣᠡᠭᠡᠮᠵᠢ ᠶᠢᠨ ᠪᠦᠳᠣᠭᠡᠨ | ᠪᠠᠶᠢᠭᠤᠯᠣᠯᠳᠠ ᠶᠢ ᠰᠢᠨᠵᠢᠯᠡᠭᠦ ᠣᠬᠠᠭᠠᠨᠴᠢ ᠪᠠᠷ ᠲᠦᠯᠣᠪᠵᠢᠭᠦᠯᠣᠨ᠂ ᠵᠦᠢ ᠵᠣᠬᠢᠰᠳᠠᠢ ᠪᠠᠶᠢᠷᠢᠯᠠᠭᠤᠯᠵᠣ᠂ ᠲᠣᠳᠣᠷ ᠭᠠᠵᠡᠷ ᠪᠠ ᠳᠠᠯᠠᠢ ᠳᠠᠭᠠᠣ ᠭᠠᠵᠡᠷ ᠣᠷᠣᠨ ᠲᠠᠢ | ᠬᠤᠯᠪᠣᠭᠰᠠᠨ ᠣᠯᠣᠰ ᠤᠨ ᠵᠠᠮ ᠬᠠᠷᠢᠯᠴᠠᠭᠠᠨ ᠤ ᠭᠤᠣᠯ ᠵᠠᠮ ᠱᠣᠭᠤᠮ ᠤᠨ ᠲᠦᠷᠣᠯ ᠵᠦᠢᠯ ᠢ ᠭᠤᠣᠯᠳᠠᠯᠭ᠎ᠠ ᠲᠠᠢ ᠲᠦᠯᠬᠢᠨ ᠠᠬᠢᠭᠤᠯᠵᠣ᠂ ᠪᠡᠯᠨ | ᠣᠷᠣᠭᠤᠯᠣᠯᠳᠠ ᠶᠢᠨ ᠣᠨᠣᠪᠴᠢᠳᠣ ᠴᠢᠨᠠᠷ᠂ ᠲᠦᠭᠡᠮᠡᠯ ᠬᠠᠷᠠᠭᠠᠯᠵᠠᠬᠤ ᠴᠢᠨᠠᠷ᠂ ᠪᠦᠳᠣᠮᠵᠢᠳᠣ ᠴᠢᠨᠠᠷ ᠢ ᠳᠡᠭᠡᠭᠰᠢᠯᠡᠭᠦᠯᠣᠨ᠎ᠠ᠃ | ᠣᠷᠣᠨ ᠪᠦᠰᠨ ᠶᠢᠨ ᠵᠣᠬᠢᠴᠠᠯᠳᠣᠨ ᠭᠦᠭᠵᠢᠭᠦ ᠶᠢ ᠠᠬᠢᠭᠤᠯᠣᠨ᠎ᠠ᠃ ᠭᠦᠭᠡᠬᠤᠳᠠ ᠪᠣᠭᠤᠳᠣ ᠣᠷᠳᠣᠰ ᠤᠨ ᠵᠣᠬᠢᠴᠠᠯᠳᠣᠨ ᠭᠦᠭᠵᠢᠭᠦ᠂ ᠵᠠᠭᠦᠨ ᠬᠡᠰᠡᠭ ᠠᠶᠢᠮᠠᠭ | ᠬᠤᠳᠠ ᠶᠢᠨ ᠭᠦᠭᠵᠢᠯᠳᠠ ᠶᠢ ᠲᠦᠷᠭᠡᠤᠡᠭᠡᠭᠦ᠂ ᠦᠬᠠᠢ ᠵᠢᠴᠢ ᠡᠷᠬᠢᠨ ᠲᠣᠭᠤᠷᠢᠨ ᠳᠠᠬᠢ ᠭᠠᠵᠡᠷ ᠣᠷᠣᠨ ᠤ ᠬᠡᠯᠪᠡᠷᠢ ᠪᠠᠨ ᠬᠤᠪᠢᠷᠠᠭᠤᠯᠣᠨ ᠭᠦᠭᠵᠢᠭᠦ ᠶᠢ ᠠᠬᠢᠭᠤᠯᠣᠨ᠂ | ᠠᠵᠣ ᠦᠢᠯᠡᠣᠡᠪᠣᠷᠢ ᠶᠢᠨ ᠭᠦᠷᠢᠶᠡᠯᠡᠩ ᠲᠣᠭᠤᠷᠢᠭ ᠢ ᠦᠭᠡᠷᠡᠴᠢᠯᠡᠨ ᠳᠡᠰ ᠳᠠᠪᠰᠢᠭᠦᠯᠵᠣ᠂ ᠬᠤᠷᠢᠡᠭᠡᠷ ᠰᠢᠨ᠎ᠠ ᠲᠣᠭᠤᠷᠢᠭ ᠢ ᠰᠢᠨᠵᠢᠯᠡᠭᠦ ᠣᠬᠠᠭᠠᠨᠴᠢ ᠪᠠᠷ | ᠲᠦᠯᠣᠪᠵᠢᠭᠦᠯᠣᠨ᠂ ᠡᠮᠬᠢ ᠵᠢᠷᠣᠮ ᠲᠠᠢ ᠪᠦᠳᠣᠭᠡᠨ ᠪᠠᠶᠢᠭᠤᠯᠣᠨ᠎ᠠ᠃ | ︵ᠭᠤᠷᠪᠠ︶ ᠰᠢᠨ᠎ᠠ ᠶᠢ ᠡᠭᠦᠳᠬᠦ ᠬᠡᠯᠪᠡᠷᠢ ᠪᠦᠭᠦᠢ ᠦᠪᠦᠷ ᠮᠤᠩᠭᠤᠯ ᠢ ᠲᠦᠷᠬᠡᠳᠬᠡᠨ ᠪᠠᠶᠢᠭᠤᠯᠤᠨ᠎ᠠ᠃ ᠰᠢᠨ᠎ᠠ ᠶᠢ ᠡᠭᠦᠳᠬᠦ ᠪᠠᠷ ᠭᠦᠭᠵᠢᠯᠳᠡ ᠶᠢ ᠭᠦᠳᠦᠯᠦᠨ | ᠲᠠᠭᠠᠭᠤᠯᠬᠤ ᠨᠢᠬᠡᠳᠦᠬᠡᠷ ᠭᠦᠳᠡᠯᠬᠡᠬᠦ ᠭᠦᠴᠦᠨ ᠪᠤᠯᠭᠠᠬᠤ ᠶᠢ ᠪᠠᠷᠢᠮᠳᠠᠯᠠᠵᠦ᠂ ᠰᠢᠨ᠎ᠠ ᠶᠢ ᠡᠭᠦᠳᠬᠦ ᠪᠠᠷ ᠭᠦᠳᠡᠯᠬᠡᠭᠦᠷ ᠪᠤᠯᠭᠠᠬᠤ ᠪᠠᠶᠢᠯᠳᠤᠬᠤ ᠪᠤᠳᠤᠯᠭ᠎ᠠ ᠶᠢ ᠭᠦᠨᠵᠡᠬᠡᠢ | ᠬᠡᠷᠡᠭᠵᠢᠬᠦᠯᠦᠨ᠎ᠠ᠃ | ᠰᠢᠨᠵᠢᠯᠡᠬᠦ ᠤᠬᠠᠭᠠᠨ ᠮᠡᠷᠬᠡᠵᠢᠯ ᠳᠠᠬᠢ ᠤᠷᠤᠭᠤᠯᠤᠯᠳᠠ ᠪᠠᠨ ᠨᠡᠮᠡᠭᠳᠡᠭᠦᠯᠦᠨ᠂ ᠡᠳ᠋ ᠤᠨ ᠵᠠᠰᠠᠭ ᠤᠨ ᠪᠡᠯᠡ ᠮᠦᠩᠭᠦ ᠶᠢᠨ ᠭᠦᠳᠦᠯᠦᠨ ᠵᠢᠯᠤᠭᠤᠳᠬᠤ | ᠦᠢᠯᠡᠳᠦᠯ ᠢ ᠪᠠᠳᠠᠷᠠᠭᠤᠯᠵᠦ᠂ ᠶᠡᠭᠡ ᠲᠡᠬᠡᠳᠤ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠪᠠ ᠠᠵᠦ ᠠᠬᠤᠶᠢᠯᠠᠯ ᠢ ᠲᠠᠮᠵᠢᠵᠦ | ᠪᠠᠶᠢᠭᠠᠳ ᠰᠢᠨᠵᠢᠯᠡᠬᠦ ᠤᠬᠠᠭᠠᠨ ᠮᠡᠷᠬᠡᠵᠢᠯ ᠤᠨ ᠲᠦᠷᠦᠯ ᠵᠦᠢᠯ ᠢ ᠲᠠᠭᠠᠭᠠᠨ ᠡᠭᠦᠷᠬᠡᠯᠡᠬᠦᠯᠵᠦ᠂ ᠤᠯᠠᠨ ᠡᠰᠢᠳᠦ ᠤᠷᠤᠭᠤᠯᠤᠯᠳᠠ ᠶᠢᠨ ᠲᠤᠨᠨᠳᠠᠴᠠ ᠶᠢ | ᠪᠦᠷᠢᠯᠳᠦᠬᠦᠯᠦᠨ᠎ᠠ᠃ ᠪᠠᠶᠢᠯᠳᠤᠬᠤ ᠪᠤᠳᠤᠯᠭ᠎ᠠ ᠪᠠ ᠬᠤᠰᠢᠭᠤᠷᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠦ᠂ ᠬᠡᠷᠡᠭᠯᠡᠬᠡᠨ ᠤ ᠰᠠᠭᠤᠷᠢ ᠴᠢᠨᠠᠷᠳᠠᠢ ᠰᠤᠳᠤᠯᠭᠠᠨ ᠢ | ᠴᠢᠩᠭᠠᠳᠬᠠᠨ᠂ ᠤᠳᠤ ᠦᠶ᠎ᠡ ᠶᠢᠨ ᠲᠠᠷᠢᠶᠠᠯᠠᠩ ᠮᠠᠯ ᠠᠵᠦ ᠠᠬᠤᠢ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠪᠤᠢ ᠪᠤᠯᠤᠨᠨᠰᠠᠨ ᠠᠵᠦ ᠦᠢᠯᠡᠰ᠂ | ᠴᠦᠯᠯᠡᠷᠬᠡᠭᠵᠢᠬᠦ ᠶᠢ ᠵᠠᠰᠠᠬᠤ ᠵᠡᠷᠬᠡ ᠭᠦᠷᠢᠶ᠎ᠡ ᠴᠠᠷᠠᠭ᠎ᠠ ᠳᠠᠬᠢ ᠴᠢᠬᠤᠯᠡ ᠶᠡᠭᠡ ᠰᠢᠨᠵᠢᠯᠡᠬᠦ ᠤᠬᠠᠭᠠᠨ ᠮᠡᠷᠬᠡᠵᠢᠯ ᠤᠨ ᠬᠡᠷᠡᠭᠴᠡᠭᠡ ᠱᠠᠭᠠᠷᠳᠠᠯᠭ᠎ᠠ ᠶᠢᠨ ᠲᠤᠭᠤᠷᠢᠨ ᠳᠤ᠂ | ᠨᠢᠬᠡ ᠪᠦᠯᠦᠭ ᠰᠢᠨᠵᠢᠯᠡᠬᠦ ᠤᠬᠠᠭᠠᠨ ᠮᠡᠷᠬᠡᠵᠢᠯ ᠤᠨ ᠴᠢᠬᠤᠯᠠ ᠶᠡᠭᠡ ᠲᠤᠰᠬᠠᠢ ᠵᠦᠢᠯ ᠢ ᠵᠤᠬᠢᠶᠠᠨ ᠪᠠᠶᠢᠭᠤᠯᠤᠨ ᠬᠡᠷᠡᠭᠵᠢᠬᠦᠯᠵᠦ᠂ ᠨᠢᠬᠡ ᠪᠦᠯᠦᠭ ᠵᠠᠩᠬᠢᠯᠠᠭ᠎ᠠ ᠶᠢᠨ | ᠨᠡᠶᠢᠳᠡᠯᠢᠭ ᠴᠢᠨᠠᠷᠳᠠᠢ ᠮᠡᠷᠬᠡᠵᠢᠯ ᠳᠤ ᠰᠢᠪᠳᠦᠯᠦᠯᠳᠡ ᠲᠠᠢ ᠪᠤᠯᠭᠠᠨ᠎ᠠ᠃ ᠰᠢᠨᠵᠢᠯᠡᠬᠦ ᠤᠠᠬᠠᠭᠠᠨ ᠮᠡᠷᠬᠡᠵᠢᠯ ᠤᠨ ᠦᠷ᠎ᠡ ᠪᠦᠳᠦᠬᠡᠯ ᠢ ᠤᠯᠠᠷᠢᠭᠤᠯᠬᠤ ᠦᠢᠯᠡᠴᠢᠯᠡᠭᠡ ᠶᠢᠨ | ᠰᠢᠰᠲ᠋ᠧᠮᠵᠢ ᠶᠢ ᠲᠡᠭᠦᠯᠳᠡᠷᠵᠢᠬᠦᠯᠵᠦ᠂ ᠲᠤᠰᠬᠠᠶᠢᠵᠢᠨᠨᠰᠠᠨ ᠦᠢᠯᠡᠴᠢᠯᠡᠬᠡᠨ ᠤ ᠪᠠᠶᠢᠭᠤᠯᠤᠮᠵᠢ ᠶᠢ ᠪᠤᠶᠢᠵᠢᠭᠤᠯᠤᠨ᠎ᠠ᠃ ᠰᠢᠨᠵᠢᠯᠡᠬᠦ ᠤᠠᠬᠠᠭᠠᠨ ᠮᠡᠷᠬᠡᠵᠢᠯ ᠤᠨ ᠦᠷ᠎ᠡ | ᠪᠦᠳᠦᠬᠡᠯ ᠤᠨ ᠠᠷᠠᠯᠵᠢᠶᠠᠯᠠᠬᠤ ᠲᠡᠪᠴᠡᠩ᠂ ᠭᠤᠤᠯᠳᠠᠯᠭ᠎ᠠ ᠲᠠᠢ ᠲᠤᠷᠰᠢᠯᠳᠠ ᠶᠢᠨ ᠲᠠᠰᠤᠭ᠂ ᠢᠨᠵᠧᠨᠧᠷᠢᠩ ᠤᠨ ᠰᠤᠳᠤᠯᠭᠠᠨ ᠤ ᠲᠦᠪ᠂ ᠠᠵᠦ ᠠᠬᠤᠶᠢᠯᠠᠯ ᠤᠨ | ᠮᠡᠷᠬᠡᠵᠢᠯ ᠤᠨ ᠲᠦᠪ ᠤᠨ ᠦᠢᠯᠡᠳᠦᠯ ᠢ ᠰᠠᠶᠢᠳᠤᠷ ᠪᠠᠳᠠᠷᠠᠭᠤᠯᠵᠦ᠂ ᠰᠢᠨ᠎ᠠ ᠡᠬᠦᠳᠦᠯᠳᠡ ᠲᠠᠢ ᠦᠷ᠎ᠡ ᠪᠦᠳᠦᠬᠡᠯ ᠢ ᠠᠬᠤᠶᠢᠴᠢ ᠦᠢᠯᠡᠳᠪᠦᠷᠢᠯᠡᠯ ᠤᠨ ᠭᠦᠴᠦᠨ ᠲᠡᠰᠢ | ᠤᠯᠠᠷᠢᠭᠤᠯᠬᠤ ᠶᠢ ᠲᠦᠷᠬᠡᠳᠬᠡᠨ᠎ᠠ᠃ ᠤᠯᠤᠰ ᠤᠨ ᠲᠡᠰ ᠤᠨ ᠰᠢᠨ᠎ᠠ ᠡᠬᠦᠳᠦᠯᠳᠡ ᠶᠢᠨ ᠲᠡᠪᠴᠡᠩ ᠢ ᠪᠤᠶᠢᠵᠢᠭᠤᠯᠤᠨ᠂ ᠭᠦᠬᠡᠬᠤᠳᠠ ᠪᠤᠭᠤᠳᠤ ᠤᠷᠳᠤᠰ ᠲᠠᠬᠢ | ᠤᠯᠤᠰ ᠤᠨ ᠪᠡᠶ᠎ᠡ ᠪᠠᠨ ᠲᠠᠭᠠᠭᠠᠨᠨᠰᠠᠨ ᠰᠢᠨ᠎ᠠ ᠡᠭᠦᠳᠦᠯᠳᠡ ᠶᠢᠨ ᠵᠢᠱᠢᠶ᠎ᠡ ᠦᠵᠡᠬᠦᠯᠬᠦ ᠲᠤᠭᠤᠷᠢᠭ᠂ ᠪᠤᠭᠤᠳᠤ ᠳᠠᠬᠢ ᠤᠯᠤᠰ ᠤᠨ ᠲᠡᠰ ᠤᠨ ᠴᠡᠷᠢᠭ ᠠᠷᠠᠳ ᠤᠨ | ᠠᠭᠤᠰᠤᠯᠴᠬᠠᠰᠠᠨ ᠰᠢᠨ᠎ᠠ ᠡᠭᠦᠳᠦᠯᠳᠡ ᠶᠢᠨ ᠵᠢᠱᠢᠶ᠎ᠡ ᠦᠵᠡᠬᠦᠯᠬᠦ ᠲᠤᠭᠤᠷᠢᠭ ᠢ ᠡᠭᠦᠳᠦᠨ ᠪᠠᠶᠢᠭᠤᠯᠤᠨ᠎ᠠ᠃ ᠨᠢᠬᠡ ᠪᠦᠯᠦᠭ ︽ᠠᠳᠠᠯ ᠦᠢᠯᠡᠰ ᠴᠤᠨᠨᠴᠠᠯᠠᠵᠦ | ᠰᠢᠨ᠎ᠠ ᠶᠢ ᠡᠭᠦᠳᠬᠦ︾ ᠶᠢᠨ ᠵᠢᠱᠢᠶ᠎ᠡ ᠦᠵᠡᠬᠦᠯᠬᠦ ᠰᠠᠭᠤᠷᠢᠨ ᠭᠠᠵᠠᠷ ᠪᠠ ᠲᠦᠮᠡᠨ ᠤᠯᠠᠨ ᠢᠶᠠᠷ ᠢᠶᠠᠨ ᠠᠳᠠᠯ ᠦᠢᠯᠡᠰ ᠴᠤᠨᠨᠴᠠᠯᠠᠬᠤ ᠤᠷᠤᠨ ᠵᠠᠢ ᠶᠢ ᠴᠢᠨᠠᠷ ᠰᠠᠶᠢᠳᠠᠢ | ᠪᠠᠶᠢᠭᠤᠯᠤᠨ᠂ ᠰᠢᠨ᠎ᠠ ᠶᠢ ᠡᠭᠦᠳᠬᠦ ᠬᠡᠯᠪᠡᠷᠢ ᠪᠦᠭᠦᠢ ᠵᠢᠵᠢᠭ ᠪᠢᠴᠢᠯ ᠠᠵᠦ ᠠᠬᠤᠶᠢᠯᠠᠯ ᠢ ᠨᠡᠪᠴᠢᠭᠦᠯᠦᠨ ᠪᠤᠶᠢᠵᠢᠭᠤᠯᠤᠨ᠎ᠠ᠃ ᠴᠢᠳᠠᠪᠤᠷᠢᠳᠠᠨ ᠤ ᠲᠤᠬᠠᠢ ᠲᠦᠷᠦ ᠶᠢᠨ | ᠪᠤᠳᠤᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠂ ᠴᠢᠳᠠᠪᠤᠷᠢᠳᠠᠨ ᠢ ᠦᠨᠡᠯᠡᠵᠦ ᠤᠷᠮᠠᠰᠢᠭᠤᠯᠬᠤ ᠲᠤᠨᠨᠳᠠᠴᠠ ᠶᠢ ᠲᠡᠭᠦᠯᠳᠡᠷᠵᠢᠬᠦᠯᠵᠦ᠂ ᠡᠯ᠎ᠡ ᠲᠦᠷᠦᠯ ᠤᠨ | ᠴᠢᠳᠠᠪᠤᠷᠢᠳᠠᠨ ᠢ ᠭᠦᠮᠦᠵᠢᠬᠦᠯᠬᠦ᠂ ᠤᠷᠤᠭᠤᠯᠤᠨ ᠠᠪᠴᠢᠷᠠᠬᠤ ᠪᠠ ᠬᠡᠷᠡᠭᠯᠡᠬᠦ ᠠᠵᠢᠯ ᠢ ᠰᠠᠶᠢᠳᠤᠷ | ᠬᠢᠨ᠎ᠠ᠃ | ︵ᠲᠦᠷᠪᠡ︶ ᠭᠦᠳᠡᠭᠡ ᠲᠤᠰᠬᠤᠨ ᠢ ᠭᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠦᠨ᠎ᠠ᠃ ᠲᠠᠷᠢᠶᠠᠯᠠᠩ ᠮᠠᠯ ᠠᠵᠦ ᠠᠬᠤᠢ ᠮᠠᠯᠵᠢᠬᠤ | ᠲᠠᠷᠢᠶᠠᠯᠠᠬᠤ ᠤᠷᠤᠨ ᠢ ᠤᠷᠢᠳᠠᠪᠡᠷ ᠭᠦᠭᠵᠢᠬᠦᠯᠬᠦ ᠶᠢ ᠪᠠᠷᠢᠮᠳᠠᠯᠠᠵᠦ᠂ ᠠᠵᠦ ᠦᠢᠯᠡᠰ ᠨᠢ ᠭᠦᠭᠵᠢᠩᠬᠦᠢ᠂ ᠠᠮᠢ ᠠᠬᠤᠢ ᠨᠢ ᠤᠷᠤᠰᠢᠨ ᠰᠠᠭᠤᠷᠢᠰᠢᠬᠤ ᠳᠤ | ᠲᠤᠬᠢᠷᠠᠮᠵᠢᠳᠠᠢ᠂ ᠨᠤᠳᠤᠭ ᠤᠨ ᠵᠠᠩ ᠲᠠᠳᠬᠠᠯ ᠨᠢ ᠪᠤᠯᠪᠠᠰᠤᠨ᠂ ᠵᠠᠰᠠᠯᠳᠠ ᠨᠢ ᠪᠦᠳᠦᠮᠵᠢᠳᠡᠢ᠂ ᠠᠮᠢᠳᠤᠷᠠᠯ ᠨᠢ ᠪᠠᠶᠠᠨ ᠴᠢᠨᠡᠬᠡᠯᠢᠭ ᠪᠠᠶᠢᠬᠤ ᠶᠡᠷᠦᠩᠬᠡᠢ ᠱᠠᠭᠠᠷᠳᠠᠯᠭ᠎ᠠ | ᠶᠤᠰᠤᠭᠠᠷ᠂ ᠲᠠᠷᠢᠶᠠᠯᠠᠩ ᠮᠠᠯ ᠠᠵᠦ ᠠᠬᠤᠢ ᠪᠠ ᠮᠠᠯᠵᠢᠬᠤ ᠲᠠᠷᠢᠶᠠᠯᠠᠬᠤ ᠤᠷᠤᠨ ᠤ ᠤᠳᠤᠬᠢᠴᠢᠯᠠᠯᠳᠠ ᠶᠢ ᠠᠬᠢᠭᠤᠯᠤᠨ᠎ᠠ᠃ | ᠶᠠᠰᠤ ᠴᠢᠨᠠᠷ ᠢᠶᠠᠷ ᠲᠠᠷᠢᠶᠠᠯᠠᠩ ᠢ ᠭᠦᠭᠵᠢᠬᠦᠯᠬᠦ ᠪᠠ ᠪᠤᠬᠢᠷᠳᠤᠯ ᠦᠬᠡᠢ ᠪᠠᠷ ᠲᠠᠷᠢᠶᠠᠯᠠᠩ ᠢ ᠭᠦᠭᠵᠢᠬᠦᠯᠬᠦ ᠶᠢ ᠪᠠᠷᠢᠮᠳᠠᠯᠠᠨ᠂ ᠤᠳᠤ ᠦᠶ᠎ᠠ ᠶᠢᠨ ᠲᠠᠷᠢᠶᠠᠯᠠᠩ ᠮᠠᠯ | ᠠᠵᠦ ᠠᠬᠤᠢ ᠶᠢᠨ ᠠᠵᠦ ᠦᠢᠯᠡᠰ ᠤᠨ ᠰᠢᠰᠲ᠋ᠧᠮᠵᠢ᠂ ᠦᠢᠯᠡᠳᠪᠦᠷᠢᠯᠡᠯ ᠤᠨ ᠰᠢᠰᠲ᠋ᠧᠮᠵᠢ᠂ ᠡᠵᠡᠩᠨᠡᠯᠳᠡ ᠶᠢᠨ ᠰᠢᠰᠲ᠋ᠧᠮᠵᠢ ᠶᠢ ᠲᠦᠷᠬᠡᠳᠬᠡᠨ ᠪᠠᠶᠢᠭᠤᠯᠵᠦ᠂ | ᠲᠠᠷᠢᠶᠠᠯᠠᠩ ᠮᠠᠯ ᠠᠵᠦ ᠠᠬᠤᠢ ᠶᠢᠨ ᠠᠰᠢᠬ ᠰᠢᠮ᠎ᠠ ᠶᠢᠨ ᠪᠦᠳᠦᠬᠡᠭᠳᠡᠬᠦᠨ ᠤ ᠪᠦᠳᠦᠴᠡ᠂ ᠠᠵᠦ ᠦᠢᠯᠡᠰ ᠤᠨ ᠪᠦᠳᠦᠴᠡ ᠪᠠ ᠪᠠᠶᠢᠷᠢᠰᠢᠭᠤᠯᠤᠯᠳᠠ ᠶᠢᠨ ᠪᠦᠳᠦᠴᠡ ᠶᠢ | ᠲᠤᠬᠢᠷᠠᠭᠤᠯᠤᠨ ᠰᠢᠯᠢᠳᠡᠭᠵᠢᠬᠦᠯᠵᠦ᠂ ᠲᠠᠪᠠᠭᠤᠯᠢᠭ ᠤᠨᠴᠠᠯᠢᠨᠨᠳᠤ ᠲᠠᠷᠢᠶᠠᠯᠠᠩ ᠮᠠᠯ ᠠᠵᠦ ᠠᠬᠤᠢ ᠶᠢ ᠭᠦᠭᠵᠢᠬᠦᠯᠦᠨ ᠪᠤᠵᠠᠭᠠᠶᠢᠷᠠᠭᠤᠯᠤᠨ᠎ᠠ᠃ ᠠᠮᠤ ᠪᠤᠳᠠᠭᠠᠨ ᠤ | ᠤᠨᠠᠯᠳᠠ ᠶᠢᠨ ᠴᠢᠳᠠᠮᠵᠢᠳᠤ ᠤᠷᠤᠨ᠂ ᠴᠢᠬᠤᠯᠠ ᠪᠤᠯᠬᠤ ᠲᠠᠷᠢᠶᠠᠯᠠᠩ ᠮᠠᠯ ᠤᠨ ᠠᠰᠢᠭ ᠰᠢᠮ᠎ᠠ ᠶᠢᠨ ᠪᠦᠳᠦᠬᠡᠭᠳᠡᠬᠦᠨ ᠤ ᠬᠠᠮᠠᠭᠠᠯᠠᠯᠳᠠ ᠶᠢᠨ ᠤᠷᠤᠨ ᠂ ᠤᠨᠴᠠᠯᠢᠨᠨᠳᠤ | ᠲᠠᠷᠢᠶᠠᠯᠠᠩ ᠮᠠᠯ ᠤᠨ ᠠᠰᠢᠭ ᠰᠢᠮ᠎ᠠ ᠶᠢᠨ ᠪᠦᠳᠦᠬᠡᠭᠳᠡᠭᠦᠨ ᠤ ᠬᠠᠮᠠᠭᠠᠯᠠᠯᠳᠠ ᠶᠢᠨ ᠤᠷᠤᠨ ᠢ ᠪᠦᠳᠦᠬᠡᠨ ᠪᠠᠶᠢᠭᠤᠯᠵᠦ᠂ ᠤᠳᠤ ᠦᠶ᠎ᠡ ᠶᠢᠨ ᠲᠠᠷᠢᠶᠠᠯᠠᠩ ᠮᠠᠯ ᠠᠵᠦ | ᠠᠬᠤᠢ ᠶᠢᠨ ᠠᠵᠦ ᠦᠢᠯᠡᠰ ᠤᠨ ᠭᠦᠷᠢᠶᠡᠯᠡᠩ᠂ ᠰᠢᠨᠵᠢᠯᠡᠬᠦ ᠤᠬᠠᠭᠠᠨ ᠮᠡᠷᠬᠡᠵᠢᠯ ᠤᠨ ᠭᠦᠷᠢᠶᠡᠯᠡᠩ᠂ ᠠᠳᠠᠯ ᠦᠢᠯᠡᠰ ᠴᠤᠨᠨᠴᠠᠯᠠᠬᠤ ᠭᠦᠷᠢᠶᠡᠯᠡᠩ ᠢ ᠪᠦᠳᠦᠬᠡᠨ | ᠪᠠᠶᠢᠭᠤᠯᠦᠨ᠎ᠠ᠃ ᠤᠰᠤ ᠠᠷᠪᠢᠯᠠᠬᠤ ᠤᠰᠤᠯᠠᠯᠳᠠ ᠶᠢ ᠭᠦᠭᠵᠢᠬᠦᠯᠵᠦ᠂ ᠦᠨᠳᠦᠷ ᠪᠠᠷᠢᠮᠵᠢᠶ᠎ᠠ ᠲᠠᠢ ᠲᠠᠷᠢᠶᠠᠨ ᠭᠠᠵᠠᠷ ᠢ ᠪᠦᠳᠦᠬᠡᠨ ᠪᠠᠶᠢᠭᠤᠯᠤᠨ᠎ᠠ᠃ ᠲᠠᠷᠢᠶᠠᠯᠠᠩ ᠮᠠᠯ | ᠠᠵᠦ ᠠᠬᠤᠢ ᠶᠢᠨ ᠪᠠᠷᠢᠮᠵᠢᠶᠠᠵᠢᠨᠨᠰᠠᠨ ᠦᠢᠯᠡᠳᠪᠦᠷᠢᠯᠡᠯ ᠢ ᠠᠬᠢᠭᠤᠯᠤᠨ᠂ ᠶᠠᠰᠤ ᠴᠢᠨᠠᠷ ᠤᠨ ᠠᠮᠤᠷ ᠲᠦᠪᠰᠢᠨ ᠳᠤ ᠮᠦᠷᠳᠡᠨ ᠤᠬᠤᠴᠢᠯᠠᠬᠤ ᠰᠢᠰᠲ᠋ᠧᠮᠵᠢ ᠶᠢ | ᠪᠠᠶᠢᠭᠤᠯᠤᠨ ᠪᠦᠷᠢᠨᠰᠢᠬᠦᠯᠵᠦ᠂ ᠭᠠᠵᠠᠷ ᠵᠦᠢ ᠶᠢᠨ ᠲᠡᠮᠳᠡᠭ ᠪᠠ ᠠᠮᠢ ᠠᠬᠤᠢ ᠶᠢᠨ ᠤᠭ ᠭᠠᠷᠤᠯᠳᠠ ᠶᠢᠨ ᠤᠷᠤᠨ ᠤ ᠪᠦᠳᠦᠬᠡᠭᠳᠡᠬᠦᠨ ᠢ ᠬᠠᠮᠠᠭᠠᠯᠠᠬᠤ ᠪᠠ | ᠲᠠᠩᠰᠠᠯᠠᠬᠤ ᠶᠢ ᠴᠢᠩᠭᠠᠷᠠᠭᠤᠯᠵᠦ᠂ ᠭᠦᠳᠦᠴᠢ ᠠᠵᠦ ᠠᠬᠤᠶᠢᠯᠠᠯ ᠪᠠ ᠨᠡᠷᠡᠳᠦ ᠲᠦᠷᠦᠯ ᠲᠡᠮᠳᠡᠭᠳᠦ ᠶᠢ ᠨᠡᠩ ᠤᠯᠠᠨ ᠪᠤᠶᠢᠵᠢᠭᠤᠯᠤᠨ᠂ ᠲᠠᠷᠢᠶᠠᠯᠠᠩ ᠮᠠᠯ ᠤᠨ ᠠᠰᠢᠭ | ᠰᠢᠮ᠎ᠠ ᠶᠢᠨ ᠪᠦᠳᠦᠬᠡᠭᠳᠡᠬᠦᠨ ᠤ ᠬᠠᠩᠭᠠᠯᠭ᠎ᠠ ᠶᠢᠨ ᠶᠠᠰᠤ ᠴᠢᠨᠠᠷ ᠪᠠ ᠦᠷ᠎ᠡ ᠠᠰᠢᠭ ᠢ ᠪᠦᠭᠦ ᠲᠠᠯ᠎ᠠ ᠪᠠᠷ ᠲᠡᠬᠡᠭᠰᠢᠯᠡᠬᠦᠯᠦᠨ᠎ᠠ᠃ ︽ᠢᠨᠲ᠋ᠧᠷ ᠰᠦᠯᠵᠢᠶ᠎ᠡ + ᠤᠳᠤ | ᠦᠶ᠎ᠠ ᠶᠢᠨ ᠲᠠᠷᠢᠶᠠᠯᠠᠩ︾᠂ ︽ᠢᠨᠲ᠋ᠧᠷ ᠰᠦᠯᠵᠢᠶ᠎ᠡ + ᠤᠳᠤ ᠦᠶ᠎ᠠ ᠶᠢᠨ ᠮᠠᠯ ᠠᠵᠦ ᠠᠬᠤᠢ︾ ᠶᠢ ᠲᠦᠷᠬᠡᠳᠬᠡᠨ ᠠᠬᠢᠭᠤᠯᠵᠦ᠂ ᠲᠠᠷᠢᠶᠠᠯᠠᠩ ᠮᠠᠯ ᠤᠨ ᠠᠰᠢᠭ | ᠰᠢᠮ᠎ᠠ ᠶᠢᠨ ᠪᠦᠳᠦᠬᠡᠭᠳᠡᠬᠦᠨ ᠤ ᠭᠦᠢᠯᠬᠡᠬᠡᠨ ᠤ ᠤᠳᠤᠬᠢᠴᠢᠯᠠᠯᠳᠠ ᠶᠢ ᠠᠬᠢᠭᠤᠯᠤᠨ᠎ᠠ᠃ ᠰᠢᠨ᠎ᠠ ᠬᠡᠯᠪᠡᠷᠢ ᠶᠢᠨ ᠲᠠᠷᠢᠶᠠᠯᠠᠩ ᠮᠠᠯ ᠠᠵᠦ ᠠᠬᠤᠢ ᠶᠢᠨ ᠡᠵᠡᠩᠨᠡᠯᠳᠡ ᠶᠢᠨ | ᠭᠤᠤᠯ ᠴᠤᠨᠨᠴᠠ ᠶᠢ ᠪᠤᠶᠢᠵᠢᠭᠤᠯᠤᠨ᠂ ᠠᠵᠢᠯ ᠮᠡᠷᠬᠡᠵᠢᠯ ᠤᠨ ᠮᠠᠯᠴᠢᠨ ᠲᠠᠷᠢᠶᠠᠴᠢᠨ ᠢ ᠭᠦᠮᠦᠵᠢᠬᠦᠯᠵᠦ᠂ ᠲᠠᠷᠢᠶᠠᠴᠢᠨ ᠪᠠ ᠠᠵᠦ ᠠᠬᠤᠶᠢᠯᠠᠯ ᠤᠨ ᠠᠰᠢᠭ ᠲᠤᠰᠠ ᠶᠢ | ᠬᠤᠯᠪᠤᠨᠨᠳᠠᠭᠤᠯᠬᠤ ᠲᠤᠨᠨᠳᠠᠴᠠ ᠶᠢ ᠲᠡᠭᠦᠯᠳᠡᠷᠵᠢᠬᠦᠯᠦᠨ᠂ ᠮᠠᠯᠵᠢᠬᠤ ᠲᠠᠷᠢᠶᠠᠯᠠᠬᠤ ᠤᠷᠤᠨ ᠤ ᠨᠢᠬᠡᠳᠦᠬᠡᠷ ᠬᠤᠶᠠᠳᠤᠭᠠᠷ ᠭᠤᠷᠪᠠᠳᠤᠭᠠᠷ ᠠᠵᠦ ᠦᠢᠯᠡᠰ ᠤᠨ | ᠠᠭᠤᠰᠤᠯᠴᠠᠨ ᠭᠦᠭᠵᠢᠬᠦ ᠶᠢ ᠠᠬᠢᠭᠤᠯᠤᠨ᠎ᠠ᠃ | ᠮᠠᠯᠵᠢᠬᠤ ᠲᠠᠷᠢᠶᠠᠯᠠᠬᠤ ᠤᠷᠤᠨ ᠤ ᠤᠯᠠᠨ ᠨᠡᠶᠢᠳᠡ ᠶᠢᠨ ᠰᠠᠭᠤᠷᠢ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠳᠠ ᠪᠠ ᠤᠯᠠᠨ ᠨᠡᠶᠢᠳᠡ ᠶᠢᠨ ᠦᠢᠯᠡᠴᠢᠯᠡᠭᠡ ᠶᠢ | ᠴᠢᠩᠭᠠᠳᠬᠠᠨ᠎ᠠ᠃ ᠤᠤᠭᠤᠬᠤ ᠤᠰᠤᠨ ᠤ ᠠᠮᠤᠷ ᠲᠦᠪᠰᠢᠨ ᠢ ᠪᠠᠳᠤᠳᠬᠠᠨ ᠲᠡᠬᠡᠭᠰᠢᠯᠡᠬᠦᠯᠬᠦ ᠢᠨᠵᠧᠨᠧᠷᠢᠩ ᠢ ᠬᠡᠷᠡᠭᠵᠢᠬᠦᠯᠦᠨ᠎ᠠ᠃ ᠪᠤᠶᠢᠳᠠ ᠪᠦᠭᠯᠡᠬᠦᠦ ᠮᠠᠯᠵᠢᠬᠤ | ᠲᠠᠷᠢᠶᠠᠯᠠᠬᠤ ᠤᠷᠤᠨ ᠳᠤ ᠬᠡᠷᠡᠭᠯᠡᠬᠦ ᠴᠠᠬᠢᠯᠭᠠᠨ ᠤ ᠲᠡᠰ ᠲᠡᠪᠰᠢᠬᠦᠯᠵᠦ ᠦᠬᠡᠷᠡᠴᠢᠯᠡᠨ ᠵᠠᠰᠠᠬᠤ ᠶᠢ ᠪᠡᠶᠡᠯᠡᠬᠦᠯᠦᠨ᠎ᠠ᠃ ᠮᠠᠯᠵᠢᠬᠤ ᠲᠠᠷᠢᠶᠠᠯᠠᠬᠤ ᠤᠷᠤᠨ ᠤ ᠭᠦᠮᠦᠰ ᠤᠨ | ᠤᠷᠤᠰᠢᠨ ᠰᠠᠭᠤᠬᠤ ᠤᠷᠴᠢᠨ ᠲᠤᠭᠤᠷᠢᠨ ᠢ ᠴᠡᠭᠴᠡᠯᠡᠨ ᠵᠠᠰᠬᠠᠤ ᠭᠤᠷᠪᠠᠨ ᠵᠢᠯ ᠤᠨ ᠠᠵᠢᠯᠯᠠᠭᠠᠨ ᠢ ᠦᠷᠨᠢᠭᠦᠯᠦᠨ᠎ᠠ᠃ ᠲᠤᠭᠠᠵᠢᠭᠤᠯᠤᠨᠨᠰᠠᠨ ᠭᠦᠳᠡᠭᠡ ᠲᠤᠰᠬᠤᠨ ᠤ | ᠪᠠᠶᠢᠯᠳᠤᠬᠤ ᠪᠤᠳᠤᠯᠭ᠎ᠠ ᠶᠢ ᠶᠡᠬᠡᠪᠡᠷ ᠬᠡᠷᠡᠭᠵᠢᠬᠦᠯᠵᠦ᠂ ᠮᠠᠯᠵᠢᠬᠤ ᠲᠠᠷᠢᠶᠠᠯᠠᠬᠤ ᠤᠷᠤᠨ ᠢ ᠦᠷᠬᠡᠨ ᠪᠦᠰᠡᠳᠦ ᠰᠦᠯᠵᠢᠶ᠎ᠡ ᠪᠠ 4G ᠰᠦᠯᠵᠢᠶ᠎ᠡ ᠪᠠᠷ ᠬᠠᠮᠤᠷᠬᠤ ᠶᠢ | ᠠᠬᠢᠭᠤᠯᠤᠨ᠎ᠠ᠃ ︽ᠢᠨᠲ᠋ᠧᠷ ᠰᠦᠯᠵᠢᠶ᠎ᠡ + ᠡᠮᠴᠢᠯᠡᠭᠡ︾ ᠪᠠᠷ ᠦᠨᠳᠦᠰᠦᠨ ᠱᠠᠳᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ ᠴᠢᠳᠠᠪᠤᠷᠢ ᠶᠢᠨ | ᠲᠡᠬᠡᠭᠰᠢᠯᠡᠯᠳᠡ ᠶᠢ ᠲᠠᠶᠢᠴᠢᠯᠠᠵᠦ᠂ ︽ᠢᠨᠲ᠋ᠧᠷ ᠰᠦᠯᠵᠢᠶ᠎ᠡ + ᠰᠤᠷᠭᠠᠨ ᠭᠦᠮᠦᠵᠢᠯ︾ ᠢᠶᠠᠷ ᠴᠢᠨᠠᠷᠵᠢᠭᠤᠨ ᠰᠤᠷᠭᠠᠨ ᠭᠦᠮᠦᠵᠢᠯ ᠤᠨ ᠡᠬᠢ ᠪᠠᠶᠠᠯᠢᠭ ᠢ ᠬᠠᠮᠳᠤᠪᠡᠷ | ᠭᠦᠷᠳᠡᠬᠦ ᠶᠢ ᠠᠬᠢᠭᠤᠯᠤᠨ᠎ᠠ᠃ | ᠮᠠᠯᠵᠢᠬᠤ ᠲᠠᠷᠢᠶᠠᠯᠠᠬᠤ ᠤᠷᠤᠨ ᠤ ᠭᠠᠵᠠᠷ ᠰᠢᠷᠤᠢ ᠶᠢᠨ ᠲᠦᠷᠢᠮ ᠪᠠ ᠬᠠᠮᠳᠤ ᠶᠢᠨ ᠦᠮᠴᠢᠯᠡᠬᠦ ᠡᠷᠬᠡ ᠶᠢᠨ ᠲᠦᠷᠢᠮ ᠤᠨ ᠦᠬᠡᠷᠡᠴᠢᠯᠡᠯᠳᠡ ᠶᠢ | ᠭᠦᠨᠵᠡᠬᠡᠶᠢᠷᠡᠬᠦᠯᠵᠦ᠂ ᠦᠮᠴᠢᠯᠡᠯ ᠤᠨ ᠡᠷᠬᠡ᠂ ᠲᠠᠭᠠᠭᠠᠴᠢᠯᠠᠯᠳᠠ ᠶᠢᠨ ᠡᠷᠬᠡ᠂ ᠡᠵᠡᠩᠨᠡᠯᠳᠡ ᠶᠢᠨ ᠡᠷᠬᠡ ᠵᠡᠷᠬᠡ ︽ᠭᠤᠷᠪᠠᠨ ᠡᠷᠬᠡ︾ ᠶᠢ ᠰᠠᠯᠭᠠᠨ ᠲᠤᠬᠢᠷᠠᠭᠤᠯᠬᠤ | ᠲᠦᠷᠢᠮ ᠢ ᠲᠡᠭᠦᠯᠳᠡᠷᠵᠢᠬᠦᠯᠦᠨ᠂ ᠭᠠᠵᠠᠷ ᠰᠢᠷᠤᠢ ᠶᠢᠨ ᠡᠷᠬᠡ ᠶᠢ ᠲᠤᠳᠤᠯᠠᠨ ᠲᠤᠨᠨᠳᠠᠭᠠᠵᠦ ᠲᠠᠩᠰᠠᠯᠠᠨ ᠲᠡᠮᠳᠡᠭᠯᠡᠬᠡᠳ ᠦᠨᠡᠮᠯᠡᠯ ᠤᠯᠭᠤᠨ᠎ᠠ᠃ ᠭᠠᠵᠠᠷ ᠰᠢᠷᠤᠢ ᠶᠢᠨ | ᠲᠠᠭᠠᠭᠠᠴᠢᠯᠠᠯᠳᠠ ᠶᠢᠨ ᠬᠠᠷᠢᠴᠠᠭ᠎ᠠ ᠶᠢ ᠲᠤᠨᠨᠳᠠᠪᠤᠷᠢᠳᠠᠢ ᠪᠠᠶᠢᠯᠭᠠᠬᠤ ᠶᠢᠨ ᠬᠠᠮᠳᠤ ᠤᠷᠳᠤ ᠬᠤᠭᠤᠴᠠᠭ᠎ᠠ ᠪᠠᠷ ᠬᠤᠪᠢᠷᠠᠭᠤᠯᠬᠤ ᠦᠬᠡᠢ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠵᠦ᠂ ᠬᠤᠶᠠᠳᠤᠭᠠᠷ ᠡᠬᠡᠯᠵᠢ ᠶᠢᠨ ᠭᠠᠵᠠᠷ ᠰᠢᠷᠦᠢ ᠶᠢᠨ ᠲᠠᠭᠠᠭᠠᠴᠢᠯᠠᠯᠳᠠ ᠶᠢᠨ ᠬᠤᠭᠤᠴᠠᠭ᠎ᠠ ᠨᠢ ᠲᠤᠯᠤᠨᠨᠰᠠᠨ ᠤ ᠲᠠᠷᠠᠭ᠎ᠠ ᠲᠠᠬᠢᠭᠠᠳ 30 ᠵᠢᠯ | ᠤᠷᠳᠤᠳᠬᠠᠨ᠎ᠠ᠃ ᠮᠠᠯᠵᠢᠬᠤ ᠲᠠᠷᠢᠶᠠᠯᠠᠬᠤ ᠤᠷᠤᠨ ᠤ ᠮᠦᠩᠭᠦᠨ ᠭᠦᠢᠯᠬᠡᠬᠡ ᠶᠢᠨ ᠦᠢᠯᠡᠴᠢᠯᠡᠬᠡᠨ ᠤ ᠨᠡᠷᠡᠳᠬᠦᠨ ᠳᠤ ᠰᠢᠨ᠎ᠠ ᠶᠢ ᠡᠭᠦᠳᠦᠨ᠂ ᠮᠠᠯᠵᠢᠬᠤ ᠲᠠᠷᠢᠶᠠᠯᠠᠬᠤ | ᠤᠷᠤᠨ ᠤ ᠦᠨᠳᠦᠷ ᠭᠦᠦ ᠲᠠᠢ ᠵᠢᠬᠡᠯᠡᠯᠬᠡ ᠲᠠᠯᠪᠢᠵᠤ ᠪᠠᠶᠢᠭ᠎ᠠ ᠠᠰᠠᠭᠤᠳᠠᠯ ᠢ ᠦᠷᠭᠦᠯᠵᠢᠯᠡᠨ ᠵᠠᠰᠠᠵᠦ᠂ ᠮᠠᠯᠴᠢᠨ ᠲᠠᠷᠢᠶᠠᠴᠢᠳ ᠤᠨ ᠮᠦᠩᠭᠦᠨ ᠭᠦᠢᠯᠬᠡᠬᠡᠨ ᠤ | ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠳᠤᠷ ᠬᠠᠩᠭᠠᠨ᠎ᠠ᠃ | ᠲᠠᠷᠢᠶᠠᠯᠠᠬᠤ ᠤᠷᠤᠨ᠂ ᠮᠠᠯᠵᠢᠬᠤ ᠤᠷᠤᠨ᠂ ᠰᠢᠭᠤᠶᠢᠳᠤ ᠤᠷᠤᠨ᠂ ᠠᠳᠠᠷ ᠬᠠᠭᠠᠯᠪᠤᠷᠢᠯᠠᠬᠤ ᠤᠷᠤᠨ ᠤ ᠵᠦᠷᠢᠶ᠎ᠡ ᠨᠡᠯᠢᠶᠡᠳ ᠶᠡᠭᠡ ᠪᠠᠶᠢᠭ᠎ᠠ ᠪᠤᠳᠠᠳᠤ ᠪᠠᠶᠢᠳᠠᠯ ᠢ | ᠨᠢᠬᠡᠳᠦᠯᠳᠡᠢ ᠲᠦᠯᠦᠪᠯᠡᠨ ᠪᠤᠳᠤᠯᠬᠢᠯᠠᠵᠦ᠂ ᠭᠦᠳᠡᠭᠡ ᠲᠤᠰᠬᠤᠨ ᠢ ᠭᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠲᠦᠯᠦᠪᠵᠢᠬᠦᠯᠬᠡ ᠶᠢ ᠰᠢᠨᠵᠢᠯᠡᠬᠦ | ᠤᠬᠠᠭᠠᠨᠴᠢ ᠪᠠᠷ ᠲᠤᠨᠨᠳᠠᠭᠠᠨ᠎ᠠ᠃ ᠠᠵᠦ ᠦᠢᠯᠡᠳᠪᠦᠷᠢ ᠪᠠᠷ ᠲᠠᠷᠢᠶᠠᠯᠠᠩ ᠢ ᠠᠬᠢᠭᠤᠯᠬᠤ᠂ ᠬᠤᠳᠠ ᠪᠠᠷ ᠭᠦᠳᠡᠭᠡ ᠶᠢ ᠲᠠᠭᠠᠭᠤᠯᠬᠤ ᠶᠢ ᠪᠠᠷᠢᠮᠳᠠᠯᠠᠨ᠂ ᠬᠤᠳᠠ | ᠭᠦᠳᠡᠭᠡ ᠶᠢ ᠠᠭᠤᠰᠤᠯᠴᠠᠭᠤᠯᠤᠨ ᠭᠦᠭᠵᠢᠬᠦᠯᠬᠦ ᠪᠠᠶᠢᠭᠤᠯᠤᠯ ᠲᠤᠨᠨᠳᠠᠴᠠ ᠪᠠ ᠲᠦᠷᠦ ᠶᠢᠨ ᠪᠤᠳᠤᠯᠭ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠵᠦ᠂ ᠬᠤᠳᠠ | ᠭᠦᠳᠡᠭᠡ ᠶᠢᠨ ᠪᠦᠳᠦᠬᠡᠨ ᠪᠠᠶᠢᠭᠤᠯᠤᠯᠳᠠ ᠶᠢ ᠨᠢᠬᠡᠳᠦᠯᠳᠡᠢ ᠲᠦᠯᠦᠪᠵᠢᠬᠦᠯᠬᠦ᠂ ᠠᠵᠦ ᠦᠢᠯᠡᠰ ᠢ ᠵᠦᠢ ᠵᠤᠬᠢᠰᠳᠠᠢ ᠪᠠᠶᠢᠷᠢᠰᠢᠭᠤᠯᠬᠤ ᠂ ᠰᠠᠭᠤᠷᠢ ᠪᠡᠯᠡᠳᠬᠡᠮᠵᠢ ᠶᠢᠨ | ᠬᠠᠷᠢᠯᠴᠠᠨ ᠬᠤᠯᠪᠤᠭᠠᠯᠠᠵᠦ ᠬᠠᠷᠢᠯᠴᠠᠨ ᠨᠡᠪᠳᠡᠷᠡᠯᠴᠡᠬᠦ ᠶᠢ ᠠᠬᠢᠭᠤᠯᠤᠨ᠂ ᠭᠦᠷᠦᠩᠬᠡ᠂ ᠮᠡᠷᠬᠡᠵᠢᠯ᠂ ᠴᠢᠳᠠᠪᠤᠷᠢᠳᠠᠨ ᠵᠡᠷᠬᠡ ᠭᠦᠴᠦᠨ ᠵᠦᠢᠯ ᠢ ᠲᠠᠳᠠᠵᠦ ᠪᠠᠶᠢᠭᠠᠳ | ᠮᠠᠯᠵᠢᠬᠤ ᠲᠠᠷᠢᠶᠠᠯᠠᠬᠤ ᠤᠷᠤᠨ ᠲᠡᠰᠢ ᠨᠡᠩ ᠶᠡᠭᠡ ᠪᠠᠷ ᠰᠢᠯᠵᠢᠭᠦᠯᠦᠨ᠎ᠠ᠃ ᠤᠨᠴᠠᠯᠢᠨᠨᠳᠤ ᠵᠢᠵᠢᠭ ᠪᠠᠯᠭᠠᠰᠤ ᠳᠤ ᠤᠨᠤᠪᠴᠢᠳᠠᠢ ᠪᠠᠷ ᠪᠠᠶᠢᠷᠢ ᠲᠤᠨᠨᠳᠠᠭᠠᠯᠳᠠ ᠬᠢᠵᠦ᠂ | ᠡᠮᠬᠢ ᠵᠢᠷᠤᠮ ᠲᠠᠢ ᠪᠠᠷ ᠪᠦᠳᠦᠬᠡᠨ ᠪᠠᠶᠢᠭᠤᠯᠤᠨ᠎ᠠ᠃ | ︵ᠲᠠᠪᠤ︶ ᠦᠬᠡᠷᠡᠴᠢᠯᠡᠯᠳᠡ ᠶᠢ ᠪᠦᠭᠦ ᠲᠠᠯ᠎ᠠ ᠪᠠᠷ ᠭᠦᠨᠵᠡᠬᠡᠶᠢᠷᠡᠬᠦᠯᠦᠨ᠂ ᠨᠡᠬᠡᠬᠡᠯᠳᠡ ᠶᠢ ᠦᠷᠬᠡᠳᠬᠡᠨ᠎ᠠ᠃ ᠵᠠᠰᠠᠭ ᠢ ᠴᠤᠮᠬᠠᠳᠬᠠᠵᠦ ᠡᠷᠬᠡ ᠶᠢ ᠲᠤᠷᠤᠨᠨᠰᠢ | ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠬᠡᠨ ᠤ ᠦᠬᠡᠷᠡᠴᠢᠯᠡᠯᠳᠡ ᠶᠢ ᠰᠢᠯᠢᠳᠡᠭᠵᠢᠬᠦᠯᠬᠦ ᠶᠢ ᠦᠷᠬᠦᠯᠵᠢᠯᠡᠨ ᠭᠦᠨᠵᠡᠬᠡᠶᠢᠷᠡᠬᠦᠯᠵᠦ᠂ | ︽ᠲᠠᠷᠦ᠋ᠢᠬᠠᠨ ᠭᠦᠢᠴᠡᠳᠬᠡᠬᠦ︾ ︽ᠬᠠᠮᠤᠭ ᠤᠨ ᠤᠯᠠᠨ ᠳᠠᠭᠠᠨ ᠨᠢᠬᠡ ᠤᠳᠠᠭ᠎ᠠ ᠤᠴᠢᠬᠤ︾᠂ ᠬᠡᠷᠡᠴᠢ ᠪᠠ ᠦᠨᠡᠮᠯᠡᠯ ᠢ ᠰᠠᠯᠭᠠᠬᠤ ᠬᠢᠬᠡᠳ ᠰᠦᠯᠵᠢᠶ᠎ᠡ ᠪᠠᠷ ᠬᠢᠨᠠᠨ | ᠵᠦᠪᠰᠢᠶᠡᠷᠡᠬᠦ ᠵᠡᠷᠬᠡ ᠠᠷᠭ᠎ᠠ ᠬᠢᠳᠡᠯ ᠢ ᠲᠦᠬᠡᠮᠡᠯᠵᠢᠬᠦᠯᠦᠨ᠂ ᠵᠠᠰᠠᠭ ᠤᠨ ᠤᠷᠳᠤᠨ ᠤ ᠮᠡᠳᠡᠭᠡ ᠵᠠᠩᠬᠢ ᠶᠢᠨ ᠰᠢᠰᠲ᠋ᠧᠮ ᠢ ᠡᠮᠬᠢᠯᠡᠨ ᠨᠡᠶᠢᠯᠡᠬᠦᠯᠵᠦ᠂ ︽ᠢᠨᠲ᠋ᠧᠷ | ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠬᠡᠷᠡᠭᠵᠢᠬᠦᠯᠦᠨ᠎ᠠ᠃ ᠵᠠᠰᠠᠭ ᠵᠠᠬᠢᠷᠭᠠᠨ ᠤ ᠵᠦᠪᠰᠢᠶᠡᠷᠡᠯ ᠢ ᠪᠠᠷᠢᠮᠵᠢᠶᠠᠵᠢᠭᠤᠯᠬᠤ ᠪᠠᠶᠢᠭᠤᠯᠤᠯᠳᠠ ᠶᠢ | ᠠᠬᠢᠭᠤᠯᠤᠨ᠂ ᠦᠢᠯᠡᠳᠪᠦᠷᠢ ᠬᠤᠳᠠᠯᠳᠤᠭᠠᠨ ᠤ ᠵᠦᠢᠯᠡᠰ ᠤᠨ ᠲᠦᠷᠢᠮ ᠤᠨ ᠦᠬᠡᠷᠡᠴᠢᠯᠡᠯᠳᠡ ᠶᠢ ᠭᠦᠨᠵᠡᠬᠡᠶᠢᠷᠡᠬᠦᠯᠵᠦ᠂ ︽ᠬᠤᠶᠠᠷ ᠢ ᠰᠤᠭᠤᠴᠢᠵᠦ᠂ ᠨᠢᠬᠡ ᠶᠢ ᠢᠯᠡ | ᠪᠤᠯᠭᠠᠬᠤ︾ ᠬᠢᠨᠠᠯᠳᠠ ᠬᠠᠮᠢᠶᠠᠷᠤᠯᠳᠠ ᠶᠢ ᠲᠡᠭᠦᠯᠳᠡᠷᠵᠢᠬᠦᠯᠦᠨ᠂ ᠵᠠᠭᠤᠴᠢ ᠦᠢᠯᠡᠴᠢᠯᠡᠭᠡ ᠶᠢᠨ ᠵᠦᠢᠯᠡᠰ ᠪᠠ ᠬᠤᠷᠢᠶᠠᠬᠤ ᠰᠦᠢᠳᠬᠡᠯ ᠢ ᠢᠯᠭᠠᠷᠠᠭᠤᠯᠤᠨ᠎ᠠ᠃ ᠶᠤᠰᠤ | ᠲᠦᠷᠢᠮ ᠨᠢ ᠨᠢᠬᠡᠳᠦᠯᠳᠡᠢ᠂ ᠵᠢᠷᠤᠮᠵᠢᠯ ᠲᠠᠢ ᠪᠦᠬᠡᠳ ᠢᠯᠡ ᠲᠤᠳᠤ ᠪᠠᠶᠢᠬᠤ ᠤᠯᠠᠨ ᠨᠡᠶᠢᠳᠡ ᠶᠢᠨ ᠡᠬᠢ ᠪᠠᠶᠠᠯᠢᠭ ᠤᠨ ᠠᠷᠠᠯᠵᠢᠶᠠᠯᠠᠬᠤ ᠲᠡᠪᠴᠡᠩ ᠢ ᠪᠠᠶᠢᠭᠤᠯᠤᠨ᠎ᠠ᠃ | ᠴᠢᠬᠤᠯᠠ ᠶᠡᠭᠡ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠢ ᠵᠦᠪᠰᠢᠶᠡᠷᠡᠬᠦ ᠪᠠ ᠬᠡᠷᠡᠭᠵᠢᠬᠦᠯᠬᠦ ᠬᠦᠷᠢᠶ᠎ᠠ ᠴᠠᠷᠠᠭᠠᠨ ᠳᠠᠬᠢ ᠵᠠᠰᠠᠭ ᠤᠨ ᠤᠷᠳᠤᠨ ᠤ ᠮᠡᠳᠡᠭᠡ | ᠵᠠᠩᠬᠢ ᠶᠢ ᠢᠯᠡ ᠪᠤᠯᠭᠠᠬᠤ ᠶᠢ ᠠᠬᠢᠭᠤᠯᠤᠨ᠎ᠠ᠃ ᠤᠯᠤᠰ ᠤᠨ ᠦᠮᠴᠢᠯᠡᠯᠳᠦ ᠠᠵᠦ ᠠᠬᠤᠶᠢᠯᠠᠯ ᠳᠠᠬᠢ ᠤᠯᠤᠰ ᠤᠨ ᠦᠮᠴᠢᠯᠡᠯ ᠤᠨ ᠡᠳ᠋ ᠭᠦᠷᠦᠩᠬᠡ ᠶᠢᠨ | ᠦᠬᠡᠷᠡᠴᠢᠯᠡᠯᠳᠡ ᠶᠢ ᠭᠦᠨᠵᠡᠬᠡᠶᠢᠷᠡᠬᠦᠯᠵᠦ᠂ ᠤᠯᠤᠰ ᠤᠨ ᠦᠮᠴᠢᠯᠡᠯᠳᠦ ᠠᠵᠦ ᠠᠬᠤᠢ ᠶᠢᠨ ᠪᠠᠶᠢᠷᠢᠰᠢᠭᠤᠯᠤᠯᠳᠠ ᠶᠢ ᠰᠢᠯᠢᠳᠡᠭᠵᠢᠬᠦᠯᠬᠦ ᠪᠠ ᠪᠠᠶᠢᠯᠳᠤᠬᠤ ᠪᠤᠳᠤᠯᠭ᠎ᠠ ᠶᠢᠨ | ᠴᠢᠨᠠᠷᠳᠠᠢ ᠪᠠᠷ ᠲᠠᠬᠢᠨ ᠵᠤᠬᠢᠶᠠᠨ ᠪᠠᠶᠢᠭᠤᠯᠬᠤ ᠶᠢ ᠲᠦᠷᠬᠡᠳᠬᠡᠨ᠎ᠠ᠃ ᠤᠷᠤᠨ ᠨᠤᠳᠤᠭ ᠤᠨ ᠮᠦᠩᠭᠦᠨ ᠭᠦᠢᠯᠬᠡᠬᠡᠨ ᠤ ᠬᠢᠨᠠᠯᠳᠠ ᠬᠠᠮᠢᠶᠠᠷᠤᠯᠳᠠ ᠶᠢᠨ ᠪᠠᠶᠢᠭᠤᠯᠤᠯ | ᠲᠤᠨᠨᠳᠠᠴᠠ ᠶᠢ ᠪᠠᠶᠢᠭᠤᠯᠤᠨ ᠪᠦᠷᠢᠨᠰᠢᠬᠦᠯᠦᠨ᠎ᠠ᠃ ᠦᠪᠡᠷᠳᠡᠬᠡᠨ ᠵᠠᠰᠠᠬᠤ ᠤᠷᠤᠨ ᠬᠢᠬᠡᠳ ᠠᠶᠢᠮᠠᠭ ᠬᠤᠳᠠ ᠶᠢᠨ ᠡᠳ᠋ ᠤᠨ ᠵᠠᠰᠠᠭ ᠤᠨ ᠠᠵᠢᠯ ᠬᠡᠷᠡᠭ ᠬᠠᠮᠢᠶᠠᠷᠬᠤ ᠡᠷᠬᠡ | ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠵᠦᠢ ᠵᠤᠬᠢᠰᠳᠠᠢ ᠪᠠᠷ ᠰᠠᠯᠭᠠᠨ ᠬᠤᠪᠢᠶᠠᠷᠢᠯᠠᠵᠦ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠳᠦᠴᠡ ᠶᠢ ᠰᠢᠯᠢᠳᠡᠭᠵᠢᠬᠦᠯᠦᠨ᠂ | ᠡᠳ᠋ ᠤᠨ ᠵᠠᠰᠠᠭ ᠤᠨ ᠵᠠᠷᠤᠯᠭ᠎ᠠ ᠶᠢᠨ ᠤᠯᠠᠨ ᠨᠡᠶᠢᠳᠡᠴᠢ ᠴᠢᠨᠠᠷ ᠪᠠ ᠲᠦᠬᠡᠮᠡᠯ ᠬᠠᠷᠠᠭᠠᠯᠵᠠᠬᠤ ᠴᠢᠨᠠᠷ ᠢ ᠲᠡᠬᠡᠭᠰᠢᠯᠡᠬᠦᠯᠦᠨ᠎ᠠ᠃ ᠵᠠᠬ᠎ᠠ ᠲᠡᠯᠬᠡᠭᠦᠷ ᠲᠤ ᠵᠦᠪᠰᠢᠶᠡᠷᠡᠨ | ᠤᠷᠤᠭᠤᠯᠬᠤ ᠶᠢᠨ ᠠᠯᠳ᠋ᠬᠠᠳᠠᠯᠳᠠᠢ ᠵᠦᠢᠯᠡᠰ ᠤᠨ ᠨᠠᠷᠢᠨ ᠲᠠᠩᠰᠠ ᠶᠢ ᠪᠦᠭᠦ ᠲᠠᠯ᠎ᠠ ᠪᠠᠷ ᠬᠡᠷᠡᠭᠵᠢᠬᠦᠯᠵᠦ᠂ ᠨᠡᠶᠢᠳᠡ ᠶᠢᠨ ᠦᠮᠴᠢᠯᠡᠯ ᠤᠨ ᠪᠤᠰᠤ ᠠᠵᠦ ᠠᠬᠤᠢ ᠶᠢᠨ | ᠭᠦᠭᠵᠢᠯᠳᠡ ᠶᠢ ᠲᠡᠮᠵᠢᠬᠦ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠦᠮᠴᠢᠯᠡᠬᠦ ᠡᠷᠬᠡ ᠶᠢᠨ ᠬᠠᠮᠠᠭᠠᠯᠠᠯᠳᠠ ᠶᠢ ᠴᠢᠩᠭᠠᠷᠠᠭᠤᠯᠵᠦ᠂ | ᠠᠵᠦ ᠠᠬᠤᠶᠢᠯᠠᠯ ᠤᠨ ᠪᠡᠶ᠎ᠡ ᠪᠠᠨ ᠲᠠᠭᠠᠭᠠᠵᠦ ᠡᠵᠡᠩᠨᠡᠬᠦ ᠡᠷᠬᠡ᠂ ᠬᠠᠤᠯᠢ ᠶᠤᠰᠤᠨ ᠤ ᠡᠳ᠋ ᠭᠦᠷᠦᠩᠬᠡ ᠶᠢᠨ ᠦᠮᠴᠢᠯᠡᠬᠦ ᠡᠷᠬᠡ ᠳᠤ ᠬᠠᠯᠳ᠋ᠬᠠᠰᠠᠨ ᠦᠢᠯᠡ ᠠᠵᠢᠯᠯᠠᠭ᠎ᠠ ᠶᠢ | ᠡᠷᠡᠰ ᠬᠤᠷᠢᠨᠨᠯᠠᠨ᠂ ᠠᠵᠦ ᠠᠬᠤᠶᠢᠯᠠᠯᠳᠠᠳ ᠤᠨ ᠵᠤᠷᠢᠭ ᠰᠠᠨᠠᠭ᠎ᠠ ᠶᠢ ᠭᠦᠭᠵᠢᠬᠡᠨ ᠪᠠᠳᠠᠷᠠᠭᠠᠬᠤ ᠪᠠ ᠬᠠᠮᠠᠭᠠᠯᠠᠵᠦ᠂ ᠨᠡᠶᠢᠳᠡ ᠶᠢᠨ ᠦᠮᠴᠢᠯᠡᠯ ᠤᠨ ᠪᠤᠰᠤ ᠠᠵᠦ | ᠠᠬᠤᠶᠢᠯᠠᠯ ᠤᠨ ᠡᠷᠡᠭᠦᠯ ᠭᠦᠭᠵᠢᠯᠳᠡ ᠶᠢ ᠠᠬᠢᠭᠤᠯᠤᠨ᠎ᠠ᠃ | ᠪᠦᠭᠦ ᠲᠠᠯ᠎ᠠ ᠪᠠᠷ ᠨᠡᠬᠡᠬᠡᠯᠳᠡ ᠬᠢᠬᠦ ᠰᠢᠨ᠎ᠠ ᠪᠠᠶᠢᠷᠢᠰᠢᠯ ᠲᠠᠢ ᠪᠤᠯᠭᠠᠬᠤ ᠶᠢ ᠠᠬᠢᠭᠤᠯᠤᠨ᠎ᠠ᠃ ᠨᠡᠬᠡᠬᠡᠯᠳᠡ ᠬᠢᠬᠦ ᠭᠦᠷᠢᠶ᠎ᠡ ᠴᠠᠷᠠᠭ᠎ᠠ ᠶᠢ ᠤᠯᠠᠮ ᠨᠢᠬᠡ ᠠᠯᠬᠤᠮ | ᠦᠷᠬᠡᠳᠬᠡᠵᠦ᠂ ᠪᠠᠶᠢᠷᠢᠰᠢᠭᠤᠯᠤᠯᠳᠠ ᠶᠢ ᠰᠢᠯᠢᠳᠡᠭᠵᠢᠬᠦᠯᠦᠨ᠂ ᠪᠠᠶᠢᠭᠤᠯᠤᠯ ᠳᠤ ᠰᠢᠨ᠎ᠠ ᠶᠢ ᠡᠭᠦᠳᠴᠤ᠂ ᠨᠡᠬᠡᠬᠡᠯᠳᠡ ᠪᠠᠷ ᠦᠬᠡᠷᠡᠴᠢᠯᠡᠯᠳᠡ ᠶᠢ ᠠᠬᠢᠭᠤᠯᠤᠨ᠂ | ᠨᠡᠬᠡᠬᠡᠯᠳᠡ ᠪᠠᠷ ᠭᠦᠭᠵᠢᠯᠳᠡ ᠶᠢ ᠠᠬᠢᠭᠤᠯᠤᠨ᠎ᠠ᠃ ᠤᠷᠤᠰ ᠮᠤᠩᠭᠤᠯ ᠲᠠᠢ ᠬᠠᠮᠳᠤᠷᠠᠨ ᠠᠵᠢᠯᠯᠠᠬᠤ ᠲᠤᠨᠨᠳᠠᠴᠠ ᠶᠢ ᠲᠡᠭᠦᠯᠳᠡᠷᠵᠢᠬᠦᠯᠵᠦ᠂ ᠰᠠᠭᠤᠷᠢ ᠪᠡᠯᠡᠳᠬᠡᠮᠵᠢ ᠶᠢᠨ | ᠬᠠᠷᠢᠯᠴᠠᠨ ᠬᠤᠯᠪᠤᠭᠠᠯᠠᠵᠦ ᠬᠠᠷᠢᠯᠴᠠᠨ ᠨᠡᠪᠳᠡᠷᠡᠯᠴᠡᠬᠦ ᠶᠢ ᠠᠬᠢᠭᠤᠯᠤᠨ᠂ ᠲᠤᠮᠳᠠᠳᠤ ᠮᠤᠩᠭᠤᠯ ᠤᠷᠤᠰ ᠤᠨ ᠠᠵᠦ ᠠᠬᠤᠢ ᠶᠢᠨ ᠬᠤᠩᠬᠢᠯ ᠤᠨ ᠪᠦᠳᠦᠬᠡᠨ | ᠪᠠᠶᠢᠭᠤᠯᠤᠯᠳᠠ ᠶᠢ ᠠᠬᠢᠭᠤᠯᠵᠦ᠂ ︽ᠨᠢᠬᠡ ᠪᠦᠰᠡ ᠨᠢᠬᠡ ᠵᠠᠮ︾ ᠤᠨ ᠱᠤᠭᠤᠮ ᠲᠠᠭᠠᠤ ᠤᠯᠤᠰ ᠲᠠᠢ ᠬᠠᠮᠳᠤᠷᠠᠨ ᠠᠵᠢᠯᠯᠠᠬᠤ ᠪᠠᠨ ᠭᠦᠨᠵᠡᠬᠡᠶᠢᠷᠡᠬᠦᠯᠦᠨ᠂ ᠮᠠᠨᠵᠤᠤᠷ | ᠪᠠ ᠡᠷᠢᠶᠡᠨ ᠬᠤᠳᠠ ᠶᠢ ᠭᠤᠤᠯᠳᠠᠯᠭ᠎ᠠ ᠲᠠᠢ ᠨᠡᠬᠡᠬᠡᠨ ᠭᠦᠭᠵᠢᠬᠦᠯᠵᠦ ᠨᠡᠬᠡᠬᠡᠯᠳᠡ ᠬᠢᠬᠦ ᠲᠤᠷᠰᠢᠯᠳᠠ ᠶᠢᠨ ᠲᠤᠭᠤᠷᠢᠭ ᠤᠨ ᠪᠦᠳᠦᠬᠡᠨ ᠪᠠᠶᠢᠭᠤᠯᠤᠯᠳᠠ ᠶᠢ ᠦᠷᠭᠦᠯᠵᠢᠯᠡᠨ | ᠰᠠᠶᠢᠳᠤᠷ ᠠᠳᠬᠤᠨ᠎ᠠ᠃ ᠭᠠᠳᠠᠭᠠᠳᠤ ᠶᠢᠨ ᠭᠦᠷᠦᠩᠬᠡ ᠶᠢ ᠠᠰᠢᠨᠨᠯᠠᠬᠤ ᠪᠠ ᠭᠠᠳᠠᠭᠠᠳᠤ ᠳᠤ ᠪᠡᠯᠡ ᠤᠷᠤᠭᠤᠯᠬᠤ ᠠᠷᠭ᠎ᠠ ᠮᠠᠶ᠋ᠢᠭ ᠲᠤ ᠰᠢᠨ᠎ᠠ ᠶᠢ ᠡᠭᠦᠳᠴᠤ᠂ | ᠭᠠᠳᠠᠭᠠᠳᠤ ᠠᠷᠠᠯᠵᠢᠶᠠᠨ ᠤ ᠭᠦᠳᠦᠴᠢ ᠠᠵᠦ ᠠᠬᠤᠶᠢᠯᠠᠯ ᠢ ᠪᠤᠶᠢᠵᠢᠭᠤᠯᠤᠨ᠂ ᠦᠷᠬᠡᠨ ᠬᠡᠪᠴᠢᠶᠡᠨ ᠤ ᠬᠢᠯᠢ ᠪᠤᠭᠤᠮᠳᠠ ᠶᠢᠨ ᠠᠵᠦ ᠠᠬᠤᠢ ᠶᠢ ᠭᠦᠭᠵᠢᠬᠦᠯᠦᠨ᠎ᠠ᠃ | ᠲᠤᠮᠳᠠᠳᠤ ᠡᠸᠦ᠋ᠷᠦᠫᠡ ᠶᠢᠨ ᠡᠬᠡᠯᠵᠢ ᠶᠢᠨ ᠭᠠᠯᠳᠤ ᠲᠡᠷᠬᠡ ᠶᠢᠨ ᠪᠠᠶᠢᠩᠭᠤᠵᠢᠭᠤᠯᠬᠤ ᠠᠵᠢᠯᠯᠠᠭᠠᠨ ᠢ ᠲᠡᠮᠵᠢᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ | ᠪᠡᠬᠡᠵᠢᠩ ᠲᠢᠶᠠᠨᠵᠢᠨ ᠡᠾᠧᠪᠸᠢ᠂ ᠭᠦᠬᠡ ᠮᠦᠷᠡᠨ ᠤ ᠭᠤᠷᠪᠠᠯᠵᠢᠨ ᠬᠤᠶᠢᠭ᠂ ᠵᠦᠵᠢᠶᠠᠩ ᠮᠦᠷᠡᠨ ᠤ ᠭᠤᠷᠪᠠᠯᠵᠢᠨ ᠬᠤᠶᠢᠭ ᠪᠠ ᠰᠢᠶᠠᠩᠭᠠᠩ ᠤᠤᠮᠧᠨ ᠵᠡᠷᠬᠡ ᠭᠠᠵᠠᠷ | ᠤᠷᠤᠨ ᠯᠤᠭ᠎ᠠ ᠶᠢᠨ ᠬᠠᠮᠳᠤᠷᠠᠯᠴᠠᠭ᠎ᠠ ᠶᠢ ᠴᠢᠩᠭᠠᠳᠬᠠᠨ᠎ᠠ᠃ ᠬᠤᠶᠠᠳᠤᠭᠠᠷ ᠬᠤᠭᠤᠴᠠᠭᠠᠨ ᠤ ᠦᠪᠦᠷ ᠮᠤᠩᠭᠤᠯ ᠤᠨ ᠬᠤᠳᠠᠯᠳᠤᠭᠠᠴᠢᠳ ᠤᠨ ᠶᠡᠭᠡ ᠬᠤᠷᠠᠯ ᠢ ᠰᠠᠶᠢᠳᠤᠷ | | ᠡᠷᠬᠢᠯᠡᠨ᠎ᠠ᠃ | ︵ᠵᠢᠷᠭᠤᠭ᠎ᠠ︶ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠬᠢᠷᠢ ᠲᠦᠪᠰᠢᠨ ᠢ ᠳᠡᠭᠡᠭᠰᠢᠯᠡᠬᠦᠯᠦᠨ᠎ᠡ᠃ ᠠᠷᠠᠳ ᠲᠦᠮᠡᠨ ᠢᠶᠠᠷ ᠭᠤᠤᠯ ᠪᠤᠯᠭᠠᠬᠤ | ᠬᠦᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠠᠷᠠᠳ ᠲᠦᠮᠡᠨ ᠤ ᠨᠡᠶᠢᠳᠡᠮ ᠬᠠᠯᠠᠮᠵᠢᠯᠠᠵᠤ ᠪᠠᠶᠢᠭ᠎ᠠ ᠠᠰᠠᠭᠤᠳᠠᠯ ᠢ ᠰᠶᠢᠳᠪᠦᠷᠢᠯᠡᠬᠦ ᠪᠠᠷ ᠭᠠᠷᠳᠠᠴᠠ ᠪᠤᠯᠭᠠᠵᠤ᠂ | ᠴᠢᠳᠠᠯ ᠢᠶᠠᠷ ᠢᠶᠠᠨ ᠴᠢᠷᠮᠠᠶᠢᠨ᠂ ᠴᠢᠳᠠᠯ ᠤᠨ ᠢᠶᠠᠨ ᠬᠢᠷᠢ ᠪᠠᠷ ᠬᠢᠵᠤ᠂ ᠲᠦᠷᠦ ᠶᠢᠨ ᠪᠤᠳᠤᠯᠭ᠎ᠠ ᠶᠢᠨ ᠲᠦᠢᠯ ᠤᠨ ᠤᠨᠤᠪᠴᠢᠲᠤ ᠴᠢᠨᠠᠷ ᠪᠤᠯᠤᠨ ᠴᠢᠭᠯᠡᠯᠲᠦ ᠴᠢᠨᠠᠷ ᠢ | ᠳᠤᠪᠤᠶᠢᠯᠭᠠᠨ᠂ ᠦᠭᠡᠷᠡᠴᠢᠯᠡᠯᠲᠡ ᠬᠦᠭᠵᠢᠯᠲᠡ ᠶᠢᠨ ᠦᠷ᠎ᠡ ᠪᠦᠲᠦᠭᠡᠯ ᠢ ᠨᠡᠩ ᠤᠯᠠᠨ ᠪᠦᠭᠡᠳ ᠨᠡᠩ ᠲᠦᠪ ᠭᠤᠤᠯᠴᠢ ᠪᠠᠷ ᠪᠦᠬᠦ ᠠᠷᠠᠳ ᠲᠤ ᠬᠦᠷᠲᠡᠭᠡᠨ᠎ᠡ᠃ | ᠲᠦᠪ ᠭᠤᠤᠯᠴᠢ ᠮᠦᠷᠲᠡᠭᠡᠨ ᠴᠢᠨᠠᠷᠯᠢᠭ ᠪᠦᠬᠦᠢ ᠰᠤᠷᠭᠠᠨ ᠬᠦᠮᠦᠵᠢᠯ ᠢ ᠬᠦᠭᠵᠢᠬᠦᠯᠤᠨ᠎ᠠ᠃ ᠰᠤᠷᠭᠠᠨ ᠬᠦᠮᠦᠵᠢᠯ ᠤᠨ ᠦᠬᠡᠷᠡᠴᠢᠯᠠᠯᠳᠠ ᠶᠢ ᠬᠦᠨᠵᠡᠬᠡᠶᠢᠷᠡᠬᠦᠯᠵᠦ | ᠂ ᠰᠤᠷᠭᠠᠨ ᠬᠦᠮᠦᠵᠢᠯ ᠤᠨ ᠤᠳᠤᠬᠢᠴᠢᠯᠠᠯᠳᠠ ᠶᠢ ᠲᠦᠷᠬᠡᠳᠬᠡᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠭᠤᠷᠪᠠᠨ ᠵᠢᠯ ᠤᠨ ᠠᠵᠢᠯᠯᠠᠭᠠᠨ ᠤ | ᠲᠦᠯᠦᠪᠯᠡᠭᠡ ᠶᠢ ᠬᠡᠷᠡᠭᠵᠢᠬᠦᠯᠵᠤ᠂ ᠨᠢᠭᠡ ᠪᠦᠯᠦᠭ ᠠᠯᠪᠠᠨ ᠠᠴᠠ ᠪᠠᠶᠢᠭᠤᠯᠤᠭᠰᠠᠨ ᠬᠡᠤᠭᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠪᠠ ᠦᠷᠭᠡᠳᠭᠡᠨ ᠪᠠᠶᠢᠭᠤᠯᠵᠤ᠂ | ᠨᠠᠶᠢᠳᠡᠮ ᠬᠠᠷᠠᠭᠠᠯᠵᠠᠬᠤ ᠴᠢᠨᠠᠷᠲᠠᠢ ᠠᠷᠠᠳ ᠠᠴᠠ ᠡᠷᠬᠢᠯᠡᠭᠰᠡᠨ ᠬᠡᠤᠭᠡᠳ ᠤᠨ ᠴᠡᠴᠡᠷᠯᠢᠭ ᠢ ᠲᠡᠳᠬᠦᠨ ᠵᠢᠷᠤᠮᠵᠢᠭᠤᠯᠤᠨ᠎ᠠ᠃ ᠰᠢᠶᠠᠨ ᠤ ᠬᠡᠪᠴᠢᠶᠡᠨ ᠤ ᠠᠯᠪᠠᠨ | ᠵᠢᠷᠤᠮ ᠤᠨ ᠰᠤᠷᠭᠠᠨ ᠬᠦᠮᠦᠵᠢᠯ ᠢ ᠲᠡᠩᠴᠡᠬᠦᠷᠢᠲᠠᠢ ᠬᠦᠭᠵᠢᠬᠦᠯᠬᠦ ᠡᠬᠦᠷᠭᠡ ᠶᠢ ᠪᠡᠶᠡᠯᠡᠬᠦᠯᠵᠤ᠂ ᠰᠤᠷᠭᠠᠭᠤᠯᠢ ᠰᠤᠩᠭᠤᠬᠤ ᠬᠠᠯᠠᠮᠰᠢᠯ᠂ ᠰᠤᠷᠤᠭᠴᠢ ᠶᠢᠨ ᠲᠤᠭ᠎ᠠ | ᠬᠡᠲᠦᠷᠡᠭᠰᠡᠨ ᠠᠩᠬᠢ ᠲᠠᠢ ᠪᠠᠶᠢᠬᠤ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠠᠯ᠎ᠠ ᠪᠠᠷ ᠰᠤᠷᠭᠠᠭᠤᠯᠢ | ᠡᠷᠬᠢᠯᠡᠬᠦ ᠬᠦᠴᠦᠨ ᠪᠠᠭᠤᠷᠠᠢ ᠪᠠᠶᠢᠬᠤ ᠨᠦᠬᠦᠴᠡᠯ ᠢ ᠰᠠᠶᠢᠵᠢᠷᠠᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠪᠠᠶᠢᠷᠢ ᠳᠤ ᠰᠠᠭᠤᠯᠭᠠᠬᠤ ᠳᠦᠷᠢᠮᠲᠦ ᠰᠤᠷᠭᠠᠭᠤᠯᠢ ᠶᠢᠨ | ᠬᠤᠭᠤᠯᠨ ᠢᠳᠡᠬᠦ᠂ ᠪᠡᠶ᠎ᠡ ᠤᠬᠢᠶᠠᠬᠤ᠂ ᠲᠤᠯᠠᠭᠠᠯᠠᠬᠤ ᠨᠦᠬᠦᠴᠡᠯ ᠢ ᠰᠠᠶᠢᠵᠢᠷᠠᠭᠤᠯᠤᠨ᠎ᠠ᠃ ᠦᠨᠳᠦᠷ ᠵᠡᠷᠭᠡ ᠶᠢᠨ ᠳᠤᠮᠳᠠᠲᠤ ᠰᠤᠷᠭᠠᠭᠤᠯᠢ ᠶᠢᠨ ᠰᠤᠷᠭᠠᠨ ᠬᠦᠮᠦᠵᠢᠯ ᠢ | ᠲᠦᠭᠡᠮᠡᠯᠵᠢᠬᠦᠯᠬᠦ ᠰᠢᠪᠲᠤᠯᠤᠯᠲᠠ ᠶᠢᠨ ᠲᠦᠯᠦᠪᠯᠡᠭᠡ ᠶᠢ ᠬᠡᠷᠡᠭᠵᠢᠬᠦᠯᠦᠨ᠎ᠡ᠃ ᠳᠡᠭᠡᠲᠦ ᠵᠡᠷᠭᠡ ᠶᠢᠨ ᠰᠤᠷᠭᠠᠨ ᠬᠦᠮᠦᠵᠢᠯ ᠤᠨ ︽ᠬᠤᠤᠰ ᠲᠡᠷᠢᠬᠦᠨ ᠳᠡᠰ︾ ᠤᠨ | ᠪᠠᠶᠢᠭᠤᠯᠤᠯᠲᠠ ᠪᠤᠯᠤᠨ ᠠᠭᠤᠯᠤᠭᠳᠠᠬᠤᠨ ᠬᠡᠯᠪᠡᠷᠢ ᠪᠦᠬᠦᠢ ᠪᠠᠷ ᠬᠦᠭᠵᠢᠬᠦᠯᠬᠦ ᠶᠢ ᠳᠡᠮᠵᠢᠵᠤ᠂ ᠳᠡᠭᠡᠲᠦ ᠰᠤᠷᠭᠠᠭᠤᠯᠢ ᠶᠢᠨ ᠪᠡᠶ᠎ᠡ ᠪᠠᠨ ᠳᠠᠭᠠᠭᠠᠵᠤ ᠰᠤᠷᠭᠠᠭᠤᠯᠢ | ᠡᠷᠬᠢᠯᠡᠬᠦ ᠡᠷᠬᠡ ᠶᠢ ᠦᠷᠭᠡᠳᠭᠡᠨ᠎ᠡ᠃ ᠦᠢᠯᠡᠳᠪᠦᠷᠢᠯᠡᠬᠦ ᠪᠠ ᠵᠢᠭᠠᠨ ᠰᠤᠷᠭᠠᠬᠤ ᠶᠢᠨ ᠠᠭᠤᠰᠤᠯᠴᠠᠯ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ | ᠬᠦᠨᠵᠡᠭᠡᠶᠢᠷᠡᠬᠦᠯᠵᠤ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠦᠨᠳᠦᠰᠦᠲᠡᠨ ᠤ ᠰᠤᠷᠭᠠᠨ ᠬᠦᠮᠦᠵᠢᠯ ᠢ ᠡᠩ | ᠲᠡᠷᠢᠬᠦᠨ ᠳᠤ ᠭᠤᠤᠯᠳᠠᠯᠭ᠎ᠠ ᠲᠠᠢ ᠬᠦᠭᠵᠢᠭᠦᠯᠵᠤ᠂ ᠤᠨᠴᠤᠭᠤᠢ ᠰᠤᠷᠭᠠᠨ ᠬᠦᠮᠦᠵᠢᠯ᠂ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠪᠠ ᠦᠷᠬᠦᠯᠵᠢᠯᠡᠭᠰᠡᠨ | ᠰᠤᠷᠭᠠᠨ ᠬᠦᠮᠦᠵᠢᠯ ᠢ ᠨᠢᠭᠡᠳᠦᠯᠲᠠᠢ ᠲᠦᠯᠦᠪᠯᠡᠨ ᠬᠦᠭᠵᠢᠬᠦᠯᠦᠨ᠎ᠡ᠃ ᠳᠡᠭᠡᠲᠦ ᠬᠡᠪ ᠴᠢᠨᠠᠷ ᠪᠦᠬᠦᠢ ᠪᠠᠭᠰᠢ ᠶᠢᠨ ᠡᠩᠨᠡᠭᠡ ᠶᠢ ᠬᠦᠮᠦᠵᠢᠬᠦᠯᠦᠨ᠎ᠡ᠃ | ᠠᠵᠢᠯ ᠤᠯᠵᠤ ᠠᠲᠠᠯ ᠦᠢᠯᠡᠰ ᠴᠤᠭᠴᠠᠯᠠᠬᠤ ᠶᠢ ᠴᠢᠷᠮᠠᠶᠢᠨ ᠠᠬᠢᠭᠤᠯᠤᠨ᠎ᠠ᠃ ᠠᠵᠢᠯ ᠤᠯᠭᠤᠬᠤ ᠶᠢ ᠲᠡᠷᠢᠬᠦᠨ ᠳᠤ ᠲᠠᠯᠪᠢᠬᠤ ᠪᠠᠶᠢᠯᠳᠤᠬᠤ ᠪᠤᠳᠤᠯᠭ᠎ᠠ ᠪᠠ | ᠢᠳᠡᠪᠬᠢᠲᠠᠢ ᠪᠠᠷ ᠠᠵᠢᠯ ᠤᠯᠭᠤᠬᠤ ᠲᠦᠷᠦ ᠶᠢᠨ ᠪᠤᠳᠤᠯᠭ᠎ᠠ ᠶᠢ ᠪᠠᠷᠢᠮᠲᠠᠯᠠᠨ᠂ ᠶᠡᠭᠡ ᠳᠡᠭᠡᠲᠦ ᠰᠤᠷᠭᠠᠭᠤᠯᠢ ᠠᠴᠠ ᠲᠡᠭᠦᠰᠦᠭᠰᠡᠳ᠂ ᠮᠠᠯᠴᠢᠨ ᠲᠠᠷᠢᠶᠠᠴᠢᠨ ᠬᠦᠴᠦ | ᠶᠠᠪᠤᠭᠰᠠᠳ᠂ ᠬᠤᠲᠠ ᠪᠠᠯᠭᠠᠰᠤ ᠶᠢᠨ ᠠᠵᠢᠯ ᠤᠯᠬᠤ ᠳᠤ ᠬᠦᠴᠢᠷᠳᠡᠵᠤ ᠪᠠᠶᠢᠭ᠎ᠠ ᠵᠡᠷᠭᠡ ᠬᠦᠮᠦᠰ ᠲᠤ ᠠᠵᠢᠯ ᠤᠯᠭᠤᠬᠤ ᠪᠠ ᠴᠡᠷᠢᠭ ᠤᠨ ᠠᠯᠪᠠ ᠠᠴᠠ | ᠪᠠᠭᠤᠭᠰᠠᠳ ᠤᠨ ᠲᠦᠪᠬᠢᠨᠡᠬᠦᠯᠬᠦ ᠠᠵᠢᠯ ᠢ ᠰᠠᠶᠢᠲᠤᠷ ᠬᠢᠨ᠎ᠠ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠤᠯᠪᠠᠰᠤᠷᠠᠭᠤᠯᠤᠯ ᠢ ᠶᠡᠭᠡ ᠬᠡᠪᠴᠢᠶ᠎ᠡ ᠲᠠᠢ ᠪᠠᠷ | ᠦᠷᠨᠢᠬᠦᠯᠵᠤ᠂ ᠬᠦᠳᠡᠯᠮᠦᠷᠢᠯᠡᠭᠴᠢᠳ ᠤᠨ ᠠᠵᠢᠯ ᠤᠯᠵᠤ ᠠᠲᠠᠯ ᠦᠢᠯᠡᠰ ᠴᠤᠭᠴᠠᠯᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠂ ᠠᠵᠢᠯ ᠤᠯᠭᠤᠬᠤ ᠶᠢᠨ ᠪᠦᠲᠦᠴᠡ ᠶᠢᠨ | ᠴᠢᠨᠠᠷᠲᠠᠢ ᠵᠦᠷᠢᠴᠡᠯ ᠮᠦᠷᠭᠦᠯᠳᠦᠬᠡᠨ ᠢ ᠰᠢᠢᠳᠪᠦᠷᠢᠯᠡᠨ᠎ᠡ᠃ ᠡᠯ᠎ᠡ ᠲᠦᠷᠦᠯ ᠤᠨ ᠬᠦᠮᠦᠰ ᠤᠨ ᠨᠤᠲᠤᠭ ᠲᠠᠭᠠᠨ ᠪᠤᠴᠠᠬᠤ ᠪᠠ ᠬᠦᠳᠡᠭᠡ ᠪᠠᠭᠤᠵᠤ ᠠᠲᠠᠯ ᠦᠢᠯᠡᠰ | ᠴᠤᠭᠴᠠᠯᠠᠬᠤ ᠶᠢ ᠳᠡᠮᠵᠢᠨ᠎ᠡ᠃ | ᠨᠡᠶᠢᠭᠡᠮ ᠤᠨ ᠪᠠᠲᠤᠯᠠᠭ᠎ᠠ ᠪᠠ ᠠᠪᠤᠷᠠᠨ ᠲᠤᠰᠠᠯᠠᠬᠤ ᠰᠢᠰᠲ᠋ᠧᠮᠵᠢ ᠶᠢ ᠪᠦᠷᠢᠨᠰᠢᠬᠦᠯᠦᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠤᠷᠤᠯᠴᠠᠬᠤ | ᠲᠦᠯᠦᠪᠯᠡᠭᠡ ᠶᠢ ᠪᠦᠬᠦ ᠲᠠᠯ᠎ᠠ ᠪᠠᠷ ᠬᠡᠷᠡᠭᠵᠢᠬᠦᠯᠵᠤ᠂ ᠨᠠᠰᠤᠵᠢᠯ᠂ ᠡᠮᠴᠢᠯᠡᠭᠡ ᠶᠢᠨ ᠳᠠᠭᠠᠳᠬᠠᠯ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠪᠠ ᠬᠠᠯᠠᠮᠵᠢᠯᠠᠨ | ᠲᠤᠬᠢᠷᠠᠭᠤᠯᠵᠤ ᠲᠦᠪᠬᠢᠨᠡᠬᠦᠯᠬᠦ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠬᠢᠯᠢ ᠶᠢᠨ ᠠᠷᠠᠳ ᠲᠤ ᠨᠦᠬᠦᠪᠦᠷᠢ ᠦᠭᠭᠦ ᠪᠠᠷᠢᠮᠵᠢᠶ᠎ᠠ ᠶᠢ | ᠳᠡᠭᠡᠭᠰᠢᠯᠡᠭᠦᠯᠵᠤ᠂ ᠨᠦᠬᠦᠪᠦᠷᠢ ᠦᠭᠭᠦ ᠬᠦᠷᠢᠶ᠎ᠡ ᠬᠡᠪᠴᠢᠶ᠎ᠡ ᠶᠢ ᠨᠢ ᠦᠷᠭᠡᠳᠭᠡᠨ᠎ᠡ᠃ ᠡᠮᠡᠭᠲᠠᠶᠢᠴᠤᠳ ᠬᠡᠤᠭᠡᠳ᠂ ᠦᠳᠡᠭᠦᠰ ᠪᠤᠯᠤᠨ ᠵᠡᠮᠳᠡᠭᠴᠦᠳ ᠢ ᠬᠠᠯᠠᠮᠵᠢᠯᠠᠨ᠂ | ᠤᠳᠤ ᠶᠢᠨ ᠪᠠᠶᠢᠭ᠎ᠠ ᠪᠡᠯᠡᠳᠭᠡᠮᠵᠢ ᠶᠢ ᠠᠰᠢᠭᠯᠠᠨ ᠨᠡᠶᠢᠭᠡᠮ ᠲᠤᠭᠤᠷᠢᠭ ᠲᠤ ︽ᠬᠡᠤᠭᠡᠳ ᠤᠨ ᠬᠡᠷ ᠦᠯᠦᠭᠡᠢ︾ ᠶᠢ ᠪᠠᠶᠢᠭᠤᠯᠵᠤ᠂ ᠨᠡᠶᠢᠭᠡᠮ ᠤᠨ ᠨᠠᠰᠤᠵᠢᠯ ᠤᠨ | ᠠᠰᠠᠷᠠᠮᠵᠢ ᠶᠢᠨ ᠪᠠᠶᠢᠭᠤᠯᠤᠮᠵᠢ ᠶᠢᠨ ᠨᠡᠮᠡᠭᠦᠷᠢ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠵᠡᠮᠳᠡᠭᠴᠤᠳ ᠢ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠨ᠎ᠡ | ᠃ ᠤᠯᠠᠭᠠᠨ ᠵᠠᠭᠠᠯᠮᠠᠶᠢᠲᠠᠨ ᠵᠡᠷᠭᠡ ᠨᠡᠶᠢᠲᠡ ᠶᠢᠨ ᠠᠰᠠᠷᠠᠮᠵᠢ ᠶᠢᠨ ᠨᠢᠬᠦᠯᠡᠰᠦᠩᠭᠦᠢ ᠶᠢᠨ ᠦᠢᠯᠡᠰ ᠢ ᠶᠡᠬᠡᠪᠡᠷ ᠬᠦᠭᠵᠢᠬᠦᠯᠵᠤ᠂ ︽ᠬᠠᠷᠠᠭ᠎ᠠ ᠤᠷᠤᠭᠤᠯᠬᠤ ᠠᠶᠠᠯᠠᠯ︾ ᠤᠨ | ᠠᠵᠢᠯᠯᠠᠭ᠎ᠠ ᠶᠢ ᠪᠠᠶᠢᠩᠭᠤᠵᠢᠭᠤᠯᠬᠤ ᠶᠢ ᠪᠡᠶᠡᠯᠡᠬᠦᠯᠦᠨ᠎ᠠ᠃ | ᠤᠯᠠᠨ ᠭᠤᠤᠯ ᠴᠤᠭᠴᠠ ᠠᠴᠠ ᠬᠠᠩᠭᠠᠬᠤ᠂ ᠤᠯᠠᠨ ᠠᠷᠭ᠎ᠠ ᠵᠠᠮ ᠢᠶᠠᠷ ᠪᠠᠲᠤᠯᠠᠬᠤ᠂ ᠳᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡᠪᠡᠷ ᠬᠡᠷᠡᠭᠵᠢᠬᠦᠯᠦᠭᠰᠡᠨ | ᠤᠷᠤᠨ ᠰᠠᠭᠤᠴᠠ ᠶᠢᠨ ᠪᠠᠲᠤᠯᠠᠭ᠎ᠠ ᠶᠢᠨ ᠳᠦᠷᠢᠮ ᠢ ᠪᠠᠶᠢᠭᠤᠯᠤᠨ᠎ᠠ᠃ ᠬᠤᠳᠠ ᠶᠢᠨ ᠳᠦᠭᠦᠮ ᠪᠦᠳᠦᠬᠦᠯᠢᠭ ᠤᠷᠤᠨ ᠰᠠᠭᠤᠴᠠᠲᠤ ᠲᠤᠭᠤᠷᠢᠭ᠂ ᠬᠠᠭᠤᠴᠢᠷᠠᠭᠰᠠᠨ ᠪᠠ | ᠬᠠᠭᠤᠴᠢᠨ ᠰᠠᠭᠤᠭᠠᠯᠢ ᠲᠤᠭᠤᠷᠢᠭ᠂ ᠬᠤᠲᠠ ᠶᠢᠨ ᠳᠤᠮᠳᠠᠬᠢ ᠲᠤᠰᠬᠤᠨ ᠢ ᠦᠷᠬᠦᠯᠵᠢᠯᠡᠨ ᠦᠬᠡᠷᠡᠴᠢᠯᠡᠵᠦ ᠰᠢᠨᠡᠳᠬᠡᠨ᠂ ᠠᠮᠢᠳᠤᠷᠠᠯ ᠤᠨ ᠬᠤᠭ ᠨᠤᠪᠰᠢ ᠶᠢ | ᠠᠩᠬᠢᠯᠠᠬᠤ ᠲᠤᠷᠰᠢᠯᠲᠠ ᠶᠢ ᠦᠷᠨᠢᠬᠦᠯᠵᠤ᠂ ︽ᠵᠤᠷᠯᠤᠩ ᠤᠨ ᠬᠤᠪᠢᠰᠤᠯᠳᠠ︾ ᠶᠢ ᠠᠬᠢᠭᠤᠯᠤᠨ᠎ᠠ᠃ ᠨᠡᠶᠢᠲᠡ ᠶᠢᠨ ᠳᠦᠷᠢᠶᠡᠰᠦᠨ ᠤ ᠬᠡᠷ ᠪᠠᠶᠢᠰᠢᠩ ᠤᠨ ᠪᠠᠲᠤᠯᠠᠬᠤ | ᠠᠵᠢᠯ ᠢ ᠰᠠᠶᠢᠲᠤᠷ ᠬᠢᠵᠤ᠂ ᠤᠷᠴᠢᠨ ᠲᠤᠭᠤᠷᠢᠨ ᠤ ᠠᠷᠢᠭᠤᠨ ᠴᠡᠪᠡᠷ᠂ ᠤᠯᠠᠨ ᠨᠡᠶᠢᠲᠡ ᠶᠢᠨ ᠵᠠᠮ ᠬᠠᠷᠢᠯᠴᠠᠭ᠎ᠠ ᠵᠡᠷᠭᠡ ᠠᠵᠢᠯ ᠲᠦᠷᠦᠯ ᠤᠨ ᠬᠦᠴᠢᠷᠳᠡᠯᠲᠠᠢ | ᠬᠦᠮᠦᠰ ᠢ ᠤᠷᠢᠳᠠᠪᠡᠷ ᠪᠠᠲᠤᠯᠠᠨ᠂ ᠨᠦᠬᠦᠴᠡᠯ ᠳᠤ ᠨᠡᠶᠢᠴᠡᠵᠦ ᠪᠠᠶᠢᠭ᠎ᠠ ᠰᠢᠨ᠎ᠡ ᠪᠠᠷ ᠠᠵᠢᠯ ᠤᠯᠤᠭᠰᠠᠨ ᠬᠡᠷ ᠪᠠᠶᠢᠰᠢᠩ ᠦᠭᠡᠢ ᠠᠵᠢᠯᠲᠠᠨ ᠠᠵᠢᠯᠴᠢᠨ᠂ ᠭᠠᠳᠠᠨ᠎ᠠ ᠠᠴᠠ | ᠢᠷᠡᠭᠰᠡᠨ ᠬᠦᠴᠦ ᠶᠠᠪᠤᠭᠰᠠᠳ ᠪᠠ ᠵᠠᠯᠠᠭᠤ ᠡᠮᠴᠢ᠂ ᠵᠠᠯᠠᠭᠤ ᠪᠠᠭᠰᠢ ᠨᠠᠷ ᠢ ᠪᠠᠲᠤᠯᠠᠬᠤ ᠬᠡᠪᠴᠢᠶᠡᠨ ᠳᠤ ᠠᠯᠬᠤᠮ ᠠᠯᠬᠤᠮ ᠢᠶᠠᠷ ᠤᠷᠤᠭᠤᠯᠵᠤ᠂ ᠠᠮᠢᠳᠤᠷᠠᠯ ᠤᠨ | ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠵᠤ ᠪᠠᠶᠢᠭ᠎ᠠ᠂ ᠤᠷᠤᠯᠭ᠎ᠠ ᠪᠠᠭᠠᠲᠠᠢ ᠪᠦᠭᠡᠳ ᠤᠷᠤᠨ ᠰᠠᠭᠤᠴᠠ ᠶᠢᠨ ᠲᠠᠯ᠎ᠠ ᠪᠠᠷ ᠬᠦᠴᠢᠷᠳᠡᠯᠲᠠᠢ ᠪᠠᠶᠢᠭ᠎ᠠ ᠬᠡᠷ ᠪᠦᠯᠢ ᠶᠢ ᠪᠤᠯ | ᠪᠠᠲᠤᠯᠠᠬᠤ ᠴᠢᠬᠤᠯᠠᠲᠠᠢ ᠶᠢ ᠨᠢ ᠴᠢᠷᠮᠠᠶᠢᠨ ᠪᠠᠳᠤᠯᠠᠨ᠎ᠠ᠃ ᠲᠠᠷᠤᠨᠨᠳᠠᠨ ᠬᠠᠳᠠᠭᠠᠯᠬᠠᠳᠠᠵᠦ ᠪᠠᠶᠢᠭ᠎ᠠ ᠬᠡᠷ ᠪᠠᠶᠢᠰᠢᠩ ᠢ ᠴᠢᠯᠦᠭᠡᠲᠠᠢ ᠪᠤᠯᠭᠠᠵᠤ᠂ ᠤᠷᠤᠨ ᠰᠠᠭᠤᠴᠠ ᠶᠢᠨ | ᠳᠦᠷᠢᠶᠡᠰᠦᠯᠡᠬᠦ ᠵᠠᠬ᠎ᠠ ᠳᠡᠯᠭᠡᠭᠦᠷ ᠢ ᠬᠦᠭᠵᠢᠬᠦᠯᠦᠨ᠎ᠡ᠃ | ᠡᠷᠡᠬᠦᠯ ᠡᠩᠬᠡ ᠦᠪᠦᠷ ᠮᠤᠩᠭᠤᠯ ᠤᠨ ᠪᠠᠶᠢᠭᠤᠯᠤᠯᠲᠠ ᠶᠢ ᠲᠦᠷᠭᠡᠳᠭᠡᠨ᠎ᠡ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ | ᠦᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠲᠤᠳᠬᠠᠨ ᠦᠷᠭᠡᠳᠭᠡᠵᠤ᠂ ᠡᠮᠴᠢᠯᠡᠭᠡᠨ ᠤ ᠳᠠᠭᠠᠳᠬᠠᠯ ᠤᠨ ᠰᠦᠢᠳᠭᠡᠯ ᠲᠤᠰᠢᠶᠠᠬᠤ ᠠᠷᠭ᠎ᠠ ᠮᠠᠶ᠋ᠢᠭ ᠤᠨ | ᠦᠭᠡᠷᠡᠴᠢᠯᠡᠯᠲᠡ ᠶᠢ ᠬᠦᠨᠵᠡᠭᠡᠶᠢᠷᠡᠭᠦᠯᠦᠨ᠂ ᠡᠪᠡᠳᠴᠢᠨ ᠤ ᠲᠦᠷᠦᠯ ᠢᠶᠠᠷ ᠰᠦᠢᠳᠭᠡᠯ ᠲᠤᠰᠢᠶᠠᠬᠤ ᠬᠦᠷᠢᠶ᠎ᠡ ᠬᠡᠪᠴᠢᠶ᠎ᠡ ᠶᠢ ᠦᠷᠭᠡᠳᠭᠡᠵᠤ᠂ ᠡᠮᠴᠢᠯᠡᠭᠡᠨ ᠤ | ᠰᠦᠢᠳᠭᠡᠯ ᠤᠨ ᠵᠦᠢ ᠵᠤᠬᠢᠰ ᠦᠭᠡᠢ ᠪᠠᠷ ᠦᠰᠬᠦ ᠶᠢ ᠬᠢᠵᠠᠭᠠᠷᠯᠠᠨ᠎ᠠ᠃ ᠤᠨᠳᠤᠤ ᠭᠠᠵᠠᠷ ᠲᠤ ᠡᠪᠡᠳᠴᠢᠨ ᠦᠵᠡᠬᠦᠯᠬᠦ ᠳᠤ ᠰᠢᠭᠤᠳ ᠳ᠋ᠦᠩᠨᠡᠨ ᠪᠤᠳᠤᠬᠤ ᠶᠢ | ᠠᠬᠢᠭᠤᠯᠵᠤ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠪᠠ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠭᠠᠳᠠᠨ᠎ᠠ ᠠᠴᠠ ᠢᠷᠡᠭᠰᠡᠨ ᠠᠵᠢᠯ ᠤᠯᠵᠤ | ᠠᠲᠠᠯ ᠦᠢᠯᠡᠰ ᠴᠤᠭᠴᠠᠯᠠᠭᠴᠢᠳ ᠢ ᠪᠦᠷᠢᠨ ᠬᠠᠮᠤᠷᠬᠤ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ᠱᠠᠲᠤ ᠬᠤᠪᠢᠶᠠᠨ ᠤᠨᠤᠰᠢᠯᠠᠨ ᠡᠮᠴᠢᠯᠡᠬᠦ ᠪᠠ ᠡᠮᠨᠡᠯᠭᠡ ᠶᠢᠨ | ᠬᠤᠯᠪᠤᠭᠠᠲᠤ ᠴᠤᠭᠴᠠ ᠶᠢᠨ ᠪᠠᠶᠢᠭᠤᠯᠤᠯᠲᠠ ᠶᠢ ᠲᠦᠷᠭᠡᠳᠭᠡᠵᠤ᠂ ᠬᠡᠷ ᠪᠦᠯᠢ ᠶᠢᠨ ᠡᠮᠴᠢ ᠶᠢᠨ ᠬᠡᠷ᠎ᠡ ᠪᠠᠷ ᠪᠤᠯᠵᠤᠵᠤ ᠦᠢᠯᠡᠴᠢᠯᠡᠬᠦ ᠴᠢᠨᠠᠷ ᠴᠢᠨᠰᠠᠭ᠎ᠠ ᠶᠢ | ᠳᠡᠭᠡᠭᠰᠢᠯᠡᠭᠦᠯᠦᠨ᠎ᠡ᠃ ᠡᠷᠡᠬᠦᠯ ᠡᠩᠬᠡ ᠶᠢᠨ ᠬᠦᠮᠦᠵᠢᠯ ᠪᠠ ᠬᠠᠭᠤᠴᠢᠨ ᠠᠷᠬᠠᠭ ᠢ ᠰᠡᠷᠬᠡᠶᠢᠯᠡᠨ ᠡᠮᠨᠡᠬᠦ ᠠᠵᠢᠯ ᠢ ᠴᠢᠩᠭᠠᠳᠬᠠᠨ᠎ᠠ᠃ ᠢᠨᠲ᠋ᠧᠷ ᠰᠦᠯᠵᠢᠶ᠎ᠡ᠂ ᠳᠤᠮᠤ | ᠳ᠋ᠠᠶᠢᠲ᠋ᠠ ᠶᠢᠨ ᠮᠡᠷᠭᠡᠵᠢᠯ ᠢ ᠠᠰᠢᠭᠯᠠᠨ ᠡᠮᠴᠢᠯᠡᠭᠦ ᠦᠢᠯᠡᠴᠢᠯᠡᠭᠡ ᠳᠤ ᠰᠢᠨ᠎ᠡ ᠶᠢ ᠡᠭᠦᠳᠴᠦ᠂ ᠨᠡᠶᠢᠭᠡᠮ ᠠᠴᠠ ᠡᠮᠨᠡᠯᠭᠡ ᠡᠷᠬᠢᠯᠡᠬᠦ ᠶᠢ ᠳᠡᠮᠵᠢᠵᠤ᠂ ᠴᠢᠨᠠᠷ ᠰᠠᠶᠢᠲᠠᠢ | ᠡᠮᠴᠢᠯᠡᠭᠡᠨ ᠤ ᠡᠬᠢ ᠪᠠᠶᠠᠯᠢᠭ ᠤᠨ ᠬᠠᠩᠭᠠᠯᠭ᠎ᠠ ᠶᠢ ᠦᠷᠭᠡᠳᠭᠡᠨ᠎ᠡ᠃ ᠮᠤᠩᠭᠤᠯ ᠡᠮ ᠡᠮᠨᠡᠯᠭᠡ ᠶᠢ ᠬᠦᠭᠵᠢᠬᠦᠯᠦᠨ ᠮᠠᠨᠳᠤᠭᠤᠯᠬᠤ ᠠᠵᠢᠯᠯᠠᠭ᠎ᠠ ᠶᠢᠨ ᠲᠦᠯᠦᠪᠯᠡᠭᠡ ᠶᠢ | ᠬᠡᠷᠡᠭᠵᠢᠬᠦᠯᠦᠨ᠎ᠡ᠃ ᠦᠷᠡᠵᠢᠯ ᠤᠨ ᠲᠦᠷᠦ ᠶᠢᠨ ᠪᠤᠳᠤᠯᠭ᠎ᠠ ᠪᠠ ᠠᠵᠤ ᠠᠬᠤᠢ ᠨᠡᠶᠢᠭᠡᠮ ᠤᠨ ᠲᠦᠷᠦ ᠶᠢᠨ ᠪᠤᠳᠤᠯᠭ᠎ᠠ ᠶᠢ ᠵᠤᠯᠭᠠᠭᠤᠯᠬᠤ ᠠᠵᠢᠯ ᠢ ᠰᠠᠶᠢᠲᠤᠷ ᠬᠢᠨ᠎ᠡ᠃ | ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠤᠲᠠ ᠬᠦᠳᠡᠭᠡ ᠶᠢᠨ ᠨᠡᠶᠢᠭᠡᠮ ᠲᠤᠭᠤᠷᠢᠭ ᠤᠨ ᠵᠠᠰᠠᠯᠲᠠ ᠶᠢ ᠴᠢᠩᠭᠠᠳᠬᠠᠵᠤ᠂ | ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠠᠶᠢᠴᠤᠳ ᠤᠨ ᠬᠤᠯᠪᠤᠭ᠎ᠠ ᠵᠡᠷᠭᠡ ᠤᠯᠠᠨ ᠲᠦᠮᠡᠨᠴᠢ ᠪᠦᠯᠬᠦᠮ ᠨᠡᠶᠢᠲᠡ ᠶᠢᠨ ᠵᠤᠬᠢᠶᠠᠨ | ᠪᠠᠶᠢᠭᠤᠯᠤᠯᠳᠠ ᠶᠢᠨ ᠦᠢᠯᠡᠳᠦᠯ ᠢ ᠪᠠᠳᠠᠷᠠᠭᠤᠯᠤᠨ᠎ᠠ᠃ ᠱᠠᠰᠢᠨ ᠰᠤᠷᠲᠠᠬᠤᠨ ᠤ ᠶᠠᠪᠤᠳᠠᠯ ᠢ ᠬᠠᠤᠯᠢ ᠶᠤᠰᠤᠭᠠᠷ ᠬᠠᠮᠢᠶᠠᠷᠴᠤ᠂ ᠱᠠᠰᠢᠨ ᠰᠤᠷᠲᠠᠬᠤᠨ ᠬᠢᠭᠡᠳ ᠨᠡᠶᠢᠭᠡᠮ | ᠵᠢᠷᠤᠮᠳᠤ ᠨᠡᠶᠢᠬᠡᠮ ᠤᠨ ᠬᠠᠷᠢᠯᠴᠠᠨ ᠵᠤᠬᠢᠴᠠᠬᠤ ᠶᠢ ᠢᠳᠡᠪᠬᠢᠲᠠᠢ ᠪᠠᠷ ᠬᠦᠲᠦᠯᠦᠨ ᠵᠢᠯᠤᠭᠤᠳᠤᠨ᠎ᠠ᠃ ᠨᠡᠶᠢᠭᠡᠮ ᠤᠨ ᠠᠮᠤᠷ ᠢ ᠬᠠᠮᠠᠭᠠᠯᠠᠬᠤ ᠶᠢᠨ ᠰᠡᠷᠭᠡᠶᠢᠯᠡᠨ ᠡᠵᠡᠮᠳᠡᠬᠦ | ᠪᠤᠰᠤᠭ᠎ᠠ ᠴᠤᠭᠴᠠᠵᠢᠭᠰᠠᠨ ᠰᠢᠰᠲ᠋ᠧᠮᠵᠢ ᠶᠢ ᠲᠡᠭᠦᠯᠳᠡᠷᠵᠢᠬᠦᠯᠵᠤ᠂ ᠵᠠᠬᠢᠲᠠᠯ ᠰᠤᠷᠪᠤᠯᠵᠢᠯᠠᠯ ᠤᠨ ᠬᠠᠤᠯᠢᠵᠢᠬᠰᠠᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠤᠨ | ᠵᠦᠷᠢᠴᠡᠯ ᠢ ᠵᠢᠭᠰᠠᠭᠠᠨ ᠪᠠᠶᠢᠴᠠᠭᠠᠬᠤ ᠪᠠ ᠦᠬᠡᠶᠢᠰᠬᠡᠬᠦ ᠠᠵᠢᠯ ᠢ ᠰᠠᠶᠢᠲᠤᠷ ᠬᠢᠨ᠎ᠡ᠃ ᠠᠮᠤᠷ ᠲᠦᠪᠰᠢᠨ ᠬᠦᠭᠵᠢᠯᠲᠡ ᠶᠢᠨ ᠤᠨᠤᠯᠵᠢᠬᠤᠨ ᠢ ᠪᠠᠲᠤ ᠪᠠᠬᠢ ᠪᠤᠢ | ᠪᠤᠯᠭᠠᠵᠤ᠂ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠬᠦᠯᠬᠦ ᠪᠠ ᠲᠤᠰᠬᠠᠶᠢᠯᠠᠨ ᠴᠡᠭᠴᠡᠯᠡᠵᠦ ᠵᠠᠰᠠᠬᠤ ᠶᠢ ᠴᠢᠩᠭᠠᠳᠬᠠᠨ᠂ | ᠤᠨᠴᠠ ᠬᠦᠨᠳᠤ ᠶᠡᠭᠡ ᠡ᠊ᠨᠳᠡᠯ ᠭᠠᠷᠬᠤ ᠶᠢ ᠡᠷᠡᠰ ᠰᠡᠷᠬᠡᠶᠢᠯᠡᠨ ᠬᠤᠷᠢᠭᠯᠠᠨ᠎ᠠ᠃ ᠬᠠᠮᠤᠭ ᠤᠨ ᠨᠢᠭᠲᠠ ᠴᠢᠩᠭ᠎ᠠ ᠪᠠᠷᠢᠮᠵᠢᠶ᠎ᠠ᠂ ᠬᠠᠮᠤᠭ ᠤᠨ ᠲᠦᠪ ᠴᠢᠩᠳᠠ ᠬᠢᠨᠠᠯᠲᠠ | ᠬᠠᠮᠢᠶᠠᠷᠤᠯᠲᠠ᠂ ᠬᠠᠮᠤᠭ ᠤᠨ ᠴᠢᠩᠭ᠎ᠠ ᠰᠦᠷᠡᠭᠡᠢ ᠰᠢᠳᠭᠡᠯ ᠲᠤᠷᠭᠠᠭᠤᠯᠢ᠂ ᠬᠠᠮᠤᠭ ᠤᠨ ᠲᠦᠪ ᠴᠢᠩᠭ᠎ᠠ ᠬᠠᠷᠢᠭᠤᠴᠠᠯᠭ᠎ᠠ ᠨᠡᠭᠡᠮᠵᠢᠯᠡᠬᠦ ᠪᠠᠷ ᠢᠳᠡᠭᠡᠨ ᠪᠠ ᠡᠮ ᠤᠨ | ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠬᠦᠮᠦᠵᠢᠯ᠂ ᠠᠷᠠᠳ ᠤᠨ ᠠᠭᠠᠷ ᠤᠨ ᠰᠡᠷᠭᠡᠶᠢᠯᠡᠯᠲᠡ ᠪᠠ ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ ᠬᠠᠷᠠᠭᠠᠯᠵᠠᠬᠤ ᠠᠵᠢᠯ ᠢ ᠰᠠᠶᠢᠲᠤᠷ ᠬᠢᠵᠤ᠂ | ᠴᠡᠷᠢᠭ ᠠᠩᠬᠢ ᠶᠢᠨ ᠪᠠᠶᠢᠭᠤᠯᠤᠯᠲᠠ ᠶᠢ ᠳᠡᠮᠵᠢᠵᠤ᠂ ᠴᠡᠷᠢᠭ ᠵᠠᠰᠠᠭ ᠠᠷᠠᠳ ᠤᠨ ᠪᠦᠯᠬᠦᠮᠳᠡᠯ ᠢ ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ | ᠪᠦᠭᠡᠳ ᠲᠤᠭᠲᠠᠭᠤᠨ ᠪᠠᠶᠢᠬᠤ ᠬᠠᠯᠬᠠᠪᠴᠢ ᠶᠢ ᠪᠠᠬᠢᠵᠢᠬᠦᠯᠦᠨ᠎ᠡ᠃ | ︵ᠳᠣᠯᠤᠭ᠎ᠠ︶ ᠪᠣᠯᠪᠠᠰᠤᠨ ᠦᠪᠦᠷ ᠮᠣᠩᠭᠤᠯ ᠢ ᠪᠠᠶᠢᠭᠤᠯᠤᠨ᠎ᠠ᠃ ᠠᠷᠠᠳ ᠲᠦᠮᠡᠨ ᠤ ᠦᠵᠡᠯ ᠰᠠᠨᠠᠭᠠᠨ ᠤ ᠤᠬᠠᠮᠰᠠᠷ᠂ ᠶᠣᠰᠣ ᠮᠤᠷᠠᠯ ᠤᠨ ᠬᠢᠷᠢ ᠲᠥᠪᠰᠢᠨ᠂ | ᠪᠣᠯᠪᠠᠰᠤᠨ ᠤ ᠬᠡᠪ ᠴᠢᠨᠰᠠᠭ᠎ᠠ ᠶᠢ ᠴᠢᠷᠮᠠᠶᠢᠨ ᠳᠡᠭᠡᠭᠰᠢᠯᠡᠭᠦᠯᠵᠦ᠂ ᠬᠦᠮᠦᠨ ᠤ ᠪᠦᠬᠦ ᠲᠠᠯ᠎ᠠ ᠶᠢᠨ ᠬᠥᠭᠵᠢᠯᠲᠡ᠂ ᠨᠡᠶᠢᠭᠡᠮ ᠤᠨ ᠪᠦᠬᠦ ᠲᠠᠯ᠎ᠠ ᠶᠢᠨ ᠳᠠᠪᠰᠢᠯᠲᠠ ᠶᠢ | ᠠᠬᠢᠭᠤᠯᠤᠨ᠎ᠠ᠃ | ᠰᠣᠶᠣᠯ ᠤᠨ ᠢᠲᠡᠭᠡᠯ ᠢ ᠪᠠᠲᠤᠳᠬᠠᠵᠤ᠂ ᠰᠣᠶᠣᠯ ᠢᠶᠠᠷ ᠬᠡᠪ ᠰᠤᠷᠲᠠᠯ ᠢ ᠬᠦᠲᠦᠯᠦᠨ ᠳᠠᠭᠠᠭᠤᠯᠬᠤ᠂ ᠠᠷᠠᠳ ᠲᠦᠮᠡᠨ ᠢ ᠰᠤᠷᠭᠠᠨ ᠬᠦᠮᠦᠵᠢᠭᠦᠯᠬᠦ᠂ | ᠨᠡᠶᠢᠭᠡᠮ ᠳᠤ ᠦᠢᠯᠡᠴᠢᠯᠡᠬᠦ᠂ ᠬᠥᠭᠵᠢᠯᠲᠡ ᠶᠢ ᠠᠬᠢᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠶᠡᠬᠡᠪᠡᠷ | ᠪᠠᠳᠠᠷᠠᠭᠤᠯᠵᠤ᠂ ᠲᠠᠯ᠎ᠠ ᠨᠤᠲᠤᠭ ᠤᠨ ᠰᠣᠶᠣᠯ ᠢ ᠬᠠᠮᠠᠭᠠᠯᠠᠬᠤ ᠪᠠ ᠪᠠᠳᠠᠷᠠᠭᠤᠯᠤᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠦ᠂ ᠴᠠᠭ ᠦᠶ᠎ᠡ ᠶᠢᠨ | ᠣᠨᠴᠠᠯᠢᠭ ᠰᠢᠨᠵᠢ ᠶᠢ ᠡᠵᠡᠮᠳᠡᠨ᠂ ᠳᠣᠷᠪᠢᠯᠢᠬ ᠪᠣᠷᠣᠭᠵᠢᠭᠤᠨ᠂ ᠳᠠᠭᠤᠷᠢᠰᠬᠠᠯ ᠲᠠᠢ᠂ ᠥᠪᠯᠡᠨ ᠤᠯᠠᠮᠵᠢᠯᠠᠵᠤ ᠪᠣᠯᠬᠤ ᠨᠡᠩ ᠣᠯᠠᠨ ᠰᠢᠯᠢᠳᠡᠭ ᠵᠣᠬᠢᠶᠠᠯ ᠪᠦᠲᠦᠭᠡᠯ ᠢ | ᠵᠣᠬᠢᠶᠠᠵᠤ᠂ ᠦᠪᠦᠷ ᠮᠣᠩᠭᠤᠯ ᠤᠨ ᠤᠳᠬ᠎ᠠ ᠤᠷᠠᠯᠢᠭ ᠤᠨ ᠵᠣᠬᠢᠶᠠᠨ ᠪᠦᠲᠦᠭᠡᠬᠦ ᠶᠢ ︽ᠥᠨᠳᠥᠷ ᠲᠥᠪᠰᠢᠨ︾ ᠠᠴᠠ ︽ᠣᠷᠭᠢᠯ︾ ᠳᠤ ᠬᠦᠷᠭᠦ ᠳᠠᠪᠠᠯᠲᠠ ᠲᠠᠢ | ᠪᠤᠯᠭᠠᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠨᠠᠶᠢᠳᠠᠯᠭ᠎ᠠ ᠶᠢ ᠪᠠᠲᠤ ᠴᠡᠭᠡᠵᠢᠯᠡᠨ᠂ ᠤᠯᠠᠭᠠᠨᠮᠥ᠋ᠴᠢᠷ ᠤᠨ ᠠᠵᠢᠯ ᠦᠢᠯᠡᠰ ᠤᠨ ᠦᠷᠨᠢᠨ ᠬᠥᠭᠵᠢᠬᠦ ᠶᠢ ᠳᠡᠮᠵᠢᠨ᠎ᠠ᠃ | ᠤᠯᠠᠭᠠᠨᠮᠥ᠋ᠴᠢᠷ ᠤᠨ ᠬᠤᠪᠢᠰᠬᠠᠯᠲᠤ ᠤᠳᠤᠮᠰᠢᠯ ᠢᠶᠠᠨ ᠬᠤᠪᠢᠷᠠᠭᠤᠯᠬᠤ ᠦᠭᠡᠢ ᠪᠠᠶᠢᠬᠤ ᠶᠢ ᠢᠮᠠᠭᠲᠠ ᠪᠠᠷᠢᠮᠲᠠᠯᠠᠨ᠂ ᠲᠠᠯ᠎ᠠ ᠨᠤᠲᠤᠭ ᠲᠤ ᠨᠤᠲᠤᠭᠰᠢᠵᠤ᠂ ᠠᠷᠠᠳ | ᠲᠦᠮᠡᠨ ᠳᠤ ᠦᠢᠯᠡᠴᠢᠯᠡᠨ᠂ ᠦᠷᠭᠡᠨ ᠣᠯᠠᠨ ᠮᠠᠯᠴᠢᠨ ᠲᠠᠷᠢᠶᠠᠴᠢᠳ ᠲᠤ ᠪᠠᠶᠠᠷ ᠪᠠᠶᠠᠰᠤᠯ ᠪᠣᠯᠣᠨ ᠪᠣᠯᠪᠠᠰᠤᠨ ᠢ ᠬᠦᠷᠭᠡᠵᠦ᠂ ᠨᠠᠮ ᠤᠨ ᠳᠠᠭᠤᠨ ᠬᠤᠭᠤᠯᠠᠢ ᠪᠣᠯᠣᠨ | ᠬᠠᠶᠢᠷ᠎ᠠ ᠬᠠᠯᠠᠮᠵᠢ ᠶᠢ ᠳᠠᠮᠵᠢᠭᠤᠯᠤᠨ᠎ᠠ᠃ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ ᠪᠠ ᠰᠣᠶᠣᠯ ᠤᠨ ᠥᠪ ᠢ ᠬᠠᠮᠠᠭᠠᠯᠠᠵᠣ ᠣᠯᠠᠮᠵᠢᠯᠠᠬᠤ ᠶᠢ | ᠴᠢᠩᠭᠠᠳᠬᠠᠨ᠂ ᠴᠦᠬᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠬᠠᠮᠠᠭᠠᠯᠠᠨ ᠬᠡᠷᠩᠯᠡᠭᠦ ᠪᠠ ᠰᠤᠩᠭᠤᠳᠠᠭ ᠰᠣᠷᠪᠣᠯᠵᠢ ᠪᠢᠴᠢᠭ ᠢ ᠤᠯᠠᠮᠵᠢᠯᠠᠬᠤ | ᠠᠵᠢᠯ ᠢ ᠰᠠᠶᠢᠳᠣᠷ ᠬᠢᠨ᠎ᠠ᠃ ᠡᠯ᠎ᠡ ᠲᠥᠷᠥᠯ ᠤᠨ ᠮᠥᠽᠸᠢ᠂ ᠤᠷᠠᠯᠢᠭ ᠤᠨ ᠣᠷᠳᠣᠨ᠂ ᠨᠣᠮ ᠤᠨ ᠰᠠᠩ ᠵᠡᠷᠭᠡ ᠰᠣᠶᠣᠯ ᠤᠨ ᠠᠴᠢᠶᠠᠯᠠᠪᠤᠷᠢ ᠶᠢᠨ ᠪᠠᠶᠢᠭᠤᠯᠤᠯᠲᠠ ᠶᠢ | ᠴᠢᠬᠤᠯᠠᠴᠢᠯᠠᠨ᠎ᠠ᠃ ᠪᠦᠬᠦ ᠠᠷᠠᠳ ᠢᠶᠠᠷ ᠢᠶᠠᠨ ᠪᠡᠶ᠎ᠠ ᠪᠠᠨ ᠴᠢᠬᠢᠷᠠᠬᠵᠢᠭᠤᠯᠬᠤ ᠶᠢ ᠬᠦᠨᠵᠡᠬᠡᠢ ᠠᠬᠢᠭᠤᠯᠵᠦ᠂ ᠤᠯᠠᠨ ᠲᠦᠮᠡᠨᠴᠢ ᠪᠡᠶ᠎ᠠ ᠶᠢᠨ ᠲᠠᠮᠢᠷ ᠢ ᠲᠦᠷᠬᠡᠳᠬᠡᠨ | ᠬᠦᠭᠵᠢᠬᠦᠯᠵᠦ᠂ ︽ᠬᠦᠯ ᠪᠦᠮᠪᠦᠭᠡ ᠶᠢᠨ ᠰᠤᠪᠠᠭ︾ ᠢ ᠰᠠᠶᠢᠳᠤᠷ ᠡᠷᠬᠢᠯᠡᠵᠦ᠂ ᠦᠪᠡᠷᠳᠡᠬᠡᠨ ᠵᠠᠰᠠᠬᠤ ᠤᠷᠤᠨ ᠤ ᠠᠷᠪᠠᠨ ᠲᠦᠷᠪᠡᠳᠦᠬᠡᠷ ᠬᠤᠭᠤᠴᠠᠭᠠᠨ ᠤ ᠲᠠᠮᠢᠷ ᠤᠨ | ᠴᠤᠬᠯᠠᠭᠠᠨ ᠢ ᠰᠠᠶᠢᠳᠤᠷ ᠡᠷᠬᠢᠯᠡᠨ᠎ᠠ᠃ | ᠤᠯᠤᠰ ᠠᠷᠠᠳ ᠤᠨ ᠰᠤᠷᠭᠠᠨ ᠬᠦᠮᠦᠵᠢᠯ᠂ ᠤᠶᠤᠨ ᠤ ᠪᠣᠯᠪᠠᠰᠤᠨ ᠤ ᠴᠣᠭᠴᠠᠵᠢᠯᠲᠠ᠂ ᠣᠶᠣᠨ ᠤ ᠰᠣᠶᠣᠯ ᠤᠨ ᠪᠦᠲᠦᠬᠡᠭᠳᠡᠬᠦᠨ ᠢ ᠵᠣᠬᠢᠶᠠᠨ ᠪᠦᠲᠦᠭᠡᠵᠦ | ᠦᠢᠯᠡᠣᠡᠴᠤ ᠤᠯᠠᠮᠵᠢᠯᠠᠬᠤ ᠲᠠᠯ᠎ᠠ ᠪᠠᠷ ᠬᠢ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢᠨ ᠬᠦᠲᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ | ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠨᠡᠶᠢᠭᠡᠮ ᠤᠨ ᠠᠮᠢᠳᠤᠷᠠᠯ ᠤᠨ ᠡᠯ᠎ᠡ ᠲᠠᠯ᠎ᠠ ᠳᠤ ᠠᠭᠤᠰᠤᠭᠤᠯᠵᠤ᠂ ᠬᠦᠮᠦᠰ ᠤᠨ ᠬᠠᠶᠢᠷ᠎ᠠ | ᠰᠡᠳᠬᠢᠯᠭᠡ ᠶᠢᠨ ᠮᠡᠳᠡᠷᠡᠮᠵᠢ ᠪᠣᠯᠣᠨ ᠦᠢᠯᠡ ᠠᠵᠢᠯᠯᠠᠭ᠎ᠠ ᠶᠢᠨ ᠳᠠᠳᠬᠠᠯ ᠪᠣᠯᠭᠠᠨ ᠬᠤᠪᠢᠷᠠᠭᠤᠯᠤᠨ᠎ᠠ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠳᠤ | ᠠᠭᠤᠯᠤᠭᠳᠠᠵᠤ ᠪᠠᠶᠢᠭ᠎ᠠ ᠦᠵᠡᠯ ᠰᠠᠨᠠᠭᠠᠨ ᠤ ᠠᠭᠤᠯᠤᠭᠳᠠᠬᠤᠨ᠂ ᠬᠦᠮᠦᠨ ᠰᠣᠶᠣᠯ ᠤᠨ ᠵᠣᠷᠢᠭ ᠰᠠᠨᠠᠭ᠎ᠠ᠂ ᠶᠣᠰᠣ ᠮᠤᠷᠠᠯ ᠤᠨ ᠵᠢᠷᠤᠮᠵᠢᠯ ᠵᠢᠴᠢ ᠲᠠᠯ᠎ᠠ ᠨᠤᠲᠤᠭ ᠤᠨ | ᠰᠣᠶᠣᠯ ᠳᠤ ᠠᠭᠤᠯᠤᠬᠳᠠᠵᠤ ᠪᠠᠶᠢᠭ᠎ᠠ ᠪᠠᠶᠢᠭᠠᠯᠢ ᠶᠢ ᠳᠡᠭᠡᠳᠦᠯᠡᠬᠦ᠂ ᠢᠲᠡᠭᠡᠯ ᠵᠢᠷᠤᠮ ᠢ ᠪᠠᠳᠤ ᠰᠠᠬᠢᠬᠤ᠂ ᠴᠢᠯᠦᠬᠡᠳᠡᠢ ᠪᠦᠭᠡᠳ ᠠᠭᠤᠳᠠᠮ ᠪᠠᠭᠲᠠᠭᠠᠮᠵᠢᠲᠠᠢ᠂ ᠪᠠᠭᠠᠲᠤᠷ | ᠢᠳᠡᠲᠡᠨ ᠢ ᠰᠢᠲᠤᠨ ᠪᠢᠰᠢᠷᠡᠬᠦ ᠤᠨᠤᠯᠵᠢᠬᠤᠨ ᠢ ᠬᠦᠮᠦᠰ ᠤᠨ ᠦᠢᠯᠡᠳᠪᠦᠷᠢᠯᠡᠯ ᠠᠮᠢᠳᠤᠷᠠᠯ ᠤᠨ ᠦᠢᠯᠡᠳᠦᠯᠭᠡ ᠳᠤ ᠠᠭᠤᠰᠤᠭᠤᠯᠬᠤ ᠶᠢᠨ ᠬᠠᠮᠲᠤ᠂ ᠴᠠᠭ ᠦᠶ᠎ᠡ ᠶᠢᠨ | ᠱᠠᠭᠠᠷᠳᠠᠯᠭ᠎ᠠ ᠲᠠᠢ ᠤᠶᠠᠯᠳᠤᠭᠤᠯᠵᠦ ᠰᠢᠨ᠎ᠠ ᠶᠢ ᠡᠬᠦᠳᠦᠨ ᠬᠥᠭᠵᠢᠭᠦᠯᠦᠨ᠎ᠡ᠃ | ᠨᠡᠶᠢᠭᠡᠮ ᠤᠨ ᠰᠠᠶᠢᠨ ᠰᠠᠶᠢᠬᠠᠨ ᠬᠡᠪ ᠰᠤᠷᠲᠠᠯ ᠢ ᠰᠠᠨᠠᠭᠠᠴᠢᠯᠠᠬᠤ ᠪᠠ ᠬᠦᠮᠦᠵᠢᠭᠦᠯᠵᠤ᠂ ᠨᠡᠶᠢᠭᠡᠮ ᠨᠡᠶᠢᠲᠡ ᠶᠢᠨ ᠮᠤᠷᠠᠯ᠂ ᠠᠵᠢᠯ ᠮᠡᠷᠭᠡᠵᠢᠯ ᠤᠨ ᠶᠣᠰᠤ ᠮᠤᠷᠠᠯ᠂ | ᠭᠡᠷ ᠪᠦᠯᠢ ᠶᠢᠨ ᠨᠠᠨᠳᠢᠨ ᠰᠤᠷᠲᠠᠯ᠂ ᠬᠤᠪᠢ ᠬᠦᠮᠦᠨ ᠤ ᠰᠤᠷᠲᠠᠯ ᠮᠤᠷᠠᠯ ᠤᠨ ᠪᠠᠶᠢᠭᠤᠯᠤᠯᠲᠠ ᠶᠢ ᠠᠬᠢᠭᠤᠯᠵᠤ᠂ ᠬᠦᠮᠦᠰ ᠤᠨ ᠦᠭᠡᠳᠡᠷᠬᠡᠭ ᠡᠶ᠎ᠡ ᠨᠠᠶᠢᠷᠰᠠᠭ ᠴᠠᠶᠢᠯᠭᠠᠨ | ᠪᠠᠶᠢᠬᠤ᠂ ᠠᠬᠠᠮᠠᠳ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠬᠤ᠂ ᠡᠬᠡ ᠤᠯᠤᠰ ᠲᠠᠭᠠᠨ ᠦᠨᠡᠨᠴᠢ ᠰᠢᠳᠤᠷᠭᠤ᠂ ᠠᠷᠠᠳ ᠲᠦᠮᠡᠨ ᠳᠡᠭᠡᠨ ᠦᠨᠡᠨᠴᠢ ᠰᠢᠳᠤᠷᠭᠤ | ᠪᠠᠶᠢᠬᠤ ᠶᠢ ᠤᠷᠮᠠᠰᠢᠭᠤᠯᠤᠨ ᠬᠥᠭᠵᠢᠭᠡᠨ᠎ᠡ᠃ ᠰᠢᠨᠵᠢᠯᠡᠭᠦ ᠣᠬᠠᠭᠠᠨ ᠤ ᠵᠣᠷᠢᠭ ᠰᠠᠨᠠᠭ᠎ᠠ᠂ ᠬᠦᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ | ᠵᠣᠷᠢᠭ ᠰᠠᠨᠠᠭ᠎ᠠ ᠶᠢ ᠪᠠᠳᠠᠷᠠᠭᠤᠯᠵᠤ᠂ ᠮᠤᠷᠠᠯ ᠢ ᠡᠷᠬᠢᠮᠯᠡᠨ ᠨᠠᠶᠢᠷᠰᠠᠭ ᠪᠠᠶᠢᠬᠤ᠂ ᠲᠡᠷᠢᠭᠦᠨ ᠤ ᠬᠢ ᠠᠴᠠ ᠰᠤᠷᠤᠯᠴᠠᠬᠤ ᠬᠡᠪ ᠰᠤᠷᠲᠠᠯ ᠲᠠᠢ ᠪᠣᠯᠭᠠᠨ᠎ᠠ᠃ ᠪᠦᠬᠦ | ᠠᠷᠠᠳ ᠢᠶᠠᠷ ᠢᠶᠠᠨ ᠨᠣᠮ ᠪᠢᠴᠢᠭ ᠣᠩᠰᠢᠬᠤ ᠶᠢ ᠤᠷᠢᠶᠠᠯᠠᠨ᠂ ᠰᠤᠷᠤᠯᠴᠠᠬᠤ ᠮᠠᠶ᠋ᠢᠭ ᠤᠨ ᠨᠡᠶᠢᠭᠡᠮ ᠢ ᠪᠦᠲᠦᠭᠡᠨ ᠪᠠᠶᠢᠭᠤᠯᠵᠤ᠂ ᠨᠣᠮ ᠪᠢᠴᠢᠭ ᠣᠩᠰᠢᠬᠤ ᠶᠢ ᠣᠶᠣᠨ | ᠰᠠᠨᠠᠭᠠᠨ ᠤ ᠨᠢᠭᠡ ᠵᠦᠢᠯ ᠤᠨ ᠬᠦᠭᠡᠭᠡᠴᠡᠯᠳᠦᠯ ᠪᠣᠯᠭᠠᠨ᠂ ᠨᠠᠰᠤᠨ ᠲᠤᠷᠰᠢ ᠰᠤᠷᠤᠯᠴᠠᠬᠤ ᠶᠢ ᠠᠮᠢᠳᠤᠷᠠᠯ ᠤᠨ ᠠᠷᠭ᠎ᠠ ᠮᠠᠶ᠋ᠢᠭ ᠪᠣᠯᠭᠠᠨ᠎ᠠ᠃ ᠬᠦᠮᠦᠨ ᠰᠣᠶᠣᠯ ᠤᠨ | ᠵᠣᠷᠢᠭ ᠰᠠᠨᠠᠭᠠᠨ ᠤ ᠪᠠᠶᠢᠭᠤᠯᠤᠯᠲᠠ ᠶᠢ ᠴᠢᠬᠤᠯᠠᠴᠢᠯᠠᠵᠤ᠂ ᠶᠣᠰᠣᠯᠠᠯ ᠤᠨ ᠪᠣᠯᠪᠠᠰᠤᠨ᠂ ᠦᠭᠡ ᠬᠡᠯᠡᠨ ᠤ ᠪᠣᠯᠪᠠᠰᠤᠨ᠂ ᠵᠠᠮ ᠬᠠᠷᠢᠯᠴᠠᠭᠠᠨ ᠤ ᠪᠣᠯᠪᠠᠰᠣᠨ᠂ ᠬᠤᠭᠤᠯᠠᠨ | ᠰᠢᠷᠡᠭᠡᠨ ᠤ ᠪᠣᠯᠪᠠᠰᠣᠨ᠂ ᠰᠦᠯᠵᠢᠶ᠎ᠡ ᠶᠢᠨ ᠪᠣᠯᠪᠠᠰᠤᠨ ᠢ ᠬᠦᠮᠦᠵᠢᠭᠦᠯᠵᠤ᠂ ᠠᠷᠠᠳ ᠢᠷᠭᠡᠳ ᠤᠨ ᠪᠣᠯᠪᠠᠰᠤᠨ ᠤ ᠬᠡᠪ ᠴᠢᠨᠠᠷ ᠪᠣᠯᠣᠨ ᠨᠡᠶᠢᠭᠡᠮ ᠤᠨ ᠪᠣᠯᠪᠠᠰᠣᠨ ᠤ | ᠲᠥᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠡᠷᠬᠢᠮ ᠳᠡᠭᠡᠳᠦ ᠰᠣᠶᠣᠯ ᠤᠨ ᠬᠡᠷᠡᠭᠯᠡᠭᠡ ᠶᠢ ᠬᠦᠲᠦᠯᠦᠨ ᠳᠠᠭᠠᠭᠤᠯᠵᠤ᠂ ᠴᠦᠭᠡᠨ ᠲᠣᠭᠠᠳᠣ | ᠦᠨᠳᠦᠰᠦᠲᠡᠨ ᠤ ᠤᠯᠠᠮᠵᠢᠯᠠᠯᠲᠤ ᠰᠣᠶᠣᠯ ᠪᠣᠯᠣᠨ ᠰᠢ ᠵᠦᠴᠦᠭᠡ᠂ ᠤᠷᠠᠨ ᠪᠢᠴᠢᠯᠭᠡ᠂ ᠡᠷᠬᠢᠮᠰᠦᠭ ᠰᠣᠶᠣᠯ ᠤᠷᠠᠯᠢᠭ ᠢ ᠰᠤᠷᠭᠠᠭᠤᠯᠢ ᠶᠢᠨ ᠬᠦᠷᠢᠶᠡᠨ ᠳᠤ | ᠣᠷᠤᠭᠤᠯᠬᠤ᠂ ᠨᠡᠶᠢᠭᠡᠮ ᠲᠣᠭᠤᠷᠢᠭ ᠲᠤ ᠣᠷᠤᠭᠤᠯᠬᠤ ᠶᠢ ᠠᠬᠢᠭᠤᠯᠤᠨ᠎ᠠ᠃ ᠰᠢᠨᠵᠢᠯᠡᠬᠦ ᠤᠬᠠᠭᠠᠨᠴᠢ᠂ ᠡᠷᠡᠭᠦᠯ ᠡᠩᠬᠡ ᠰᠣᠶᠣᠯ ᠤᠨ ᠠᠭᠤᠯᠤᠬᠳᠠᠬᠤᠨ ᠢ ᠪᠣᠳᠠᠰ ᠤᠨ | ᠪᠣᠯᠪᠠᠰᠣᠨ᠂ ᠤᠶᠤᠨ ᠤ ᠪᠣᠯᠪᠠᠰᠣᠨ᠂ ᠠᠮᠢ ᠠᠬᠤᠢ ᠶᠢᠨ ᠪᠣᠯᠪᠠᠰᠣᠨ ᠤ ᠪᠠᠶᠢᠭᠤᠯᠤᠯᠲᠠ ᠳᠤ ᠨᠡᠪᠴᠢᠭᠦᠯᠦᠨ ᠰᠢᠩᠭᠡᠭᠡᠵᠦ᠂ ᠬᠥᠭᠵᠢᠯᠲᠡ ᠶᠢ ᠨᠡᠩ ᠡᠶᠡᠪᠡᠷᠬᠦᠤ᠂ ᠵᠣᠯ | ᠵᠢᠷᠭᠠᠯ ᠢ ᠨᠡᠩ ᠡᠭᠡᠯᠢᠲᠡᠢ ᠰᠠᠨᠠᠭᠳᠠᠭᠤᠯᠵᠤ᠂ ᠪᠣᠯᠪᠠᠰᠣᠨ ᠪᠠᠶᠢᠬᠤ ᠶᠢ ᠦᠪᠦᠷ ᠮᠣᠩᠭᠤᠯ ᠤᠨ ᠴᠤᠭ ᠵᠢᠪᠬᠤᠭ᠎ᠠ ᠪᠠ ᠳᠦᠷᠢ ᠳᠦᠷᠬᠦ ᠪᠣᠯᠭᠠᠨ᠎ᠠ᠃ | ᠬᠤᠲᠠ ᠶᠢᠨ ᠰᠣᠶᠣᠯ ᠤᠨ ᠠᠭᠤᠯᠤᠬᠳᠠᠬᠤᠨ ᠢ ᠳᠡᠭᠡᠭᠰᠢᠯᠡᠭᠦᠯᠵᠦ᠂ ᠲᠡᠤᠬᠡ ᠰᠣᠶᠣᠯ᠂ ᠬᠤᠪᠢᠰᠬᠠᠯᠲᠤ ᠰᠣᠶᠣᠯ᠂ ᠦᠨᠳᠦᠰᠦᠲᠡᠨ ᠤ ᠵᠠᠩ ᠦᠢᠯᠡ ᠶᠢᠨ ᠰᠣᠶᠣᠯ | ᠂ ᠪᠠᠶᠢᠭᠠᠯᠢ ᠠᠮᠢ ᠠᠬᠤᠢ ᠶᠢᠨ ᠰᠣᠶᠣᠯ ᠢ ᠬᠤᠲᠠ ᠶᠢᠨ ᠲᠥᠯᠥᠪᠵᠢᠭᠦᠯᠭᠡ᠂ ᠪᠠᠷᠢᠯᠭ᠎ᠠ᠂ ᠵᠡᠭᠡᠯᠢ ᠭᠤᠳᠤᠮᠵᠢ ᠳᠤ ᠠᠭᠤᠰᠤᠭᠤᠯᠤᠨᠠ᠃ ᠲᠡᠤᠬᠡ ᠶᠢᠨ ᠳᠤᠷᠠᠰᠬᠠᠯᠲᠤ | ᠪᠠᠷᠢᠯᠭ᠎ᠠ ᠪᠠ ᠲᠡᠤᠬᠡ ᠰᠣᠶᠣᠯ ᠤᠨ ᠵᠡᠭᠡᠯᠢ ᠭᠤᠳᠤᠮᠵᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠬᠤᠲᠠ ᠶᠢᠨ ᠳᠤᠷᠠᠳᠬᠠᠯ ᠢ ᠨᠢ ᠬᠠᠳᠠᠭᠠᠯᠠᠨ ᠦᠯᠡᠳᠡᠭᠡᠨ᠎ᠠ᠃ | ᠤᠬᠠᠭᠠᠯᠢᠭ ᠬᠤᠲᠠ᠂ ᠪᠣᠬᠢᠷᠲᠤᠯ ᠦᠭᠡᠢ ᠬᠤᠲᠠ᠂ ᠬᠦᠮᠦᠨ ᠰᠣᠶᠣᠯ ᠤᠨ ᠬᠤᠲᠠ ᠶᠢ ᠪᠦᠲᠦᠭᠡᠨ ᠪᠠᠶᠢᠭᠤᠯᠵᠤ᠂ ︽ᠬᠤᠲᠠ ᠪᠠᠷ ᠠᠮᠢᠳᠤᠷᠠᠯ ᠢ ᠨᠡᠩ ᠰᠠᠶᠢᠨ ᠰᠠᠶᠢᠬᠠᠨ | ᠪᠣᠯᠭᠠᠬᠤ︾ ᠶᠢ ᠥᠨᠡᠨᠬᠦ ᠪᠡᠶᠡᠯᠡᠭᠦᠯᠦᠨ᠎ᠡ᠃ ᠦᠪᠡᠷ ᠢᠶᠠᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠮᠤᠷᠠᠯ ᠢᠶᠠᠷ ᠵᠠᠰᠠᠬᠤ ᠶᠢ ᠤᠶᠠᠯᠳᠤᠭᠤᠯᠤᠭᠰᠠᠨ ᠬᠦᠳᠡᠭᠡ | ᠲᠤᠰᠬᠤᠨ ᠤ ᠵᠠᠰᠠᠯᠲᠠ ᠶᠢ ᠠᠬᠢᠭᠤᠯᠣᠨ᠂ ᠬᠡᠪ ᠵᠠᠩᠰᠢᠯ ᠢ ᠦᠭᠡᠷᠡᠴᠢᠯᠡᠬᠦ ᠶᠢ ᠦᠷᠨᠢᠭᠦᠯᠵᠣ᠂ ᠬᠦᠳᠡᠭᠡ ᠲᠣᠰᠬᠤᠨ ᠤ ᠰᠣᠶᠣᠯ ᠢ ᠮᠠᠨᠳᠤᠭᠤᠯᠤᠨ ᠬᠥᠭᠵᠢᠭᠦᠯᠵᠦ᠂ | ᠬᠦᠳᠡᠭᠡ ᠨᠤᠲᠤᠭ ᠤᠨ ᠪᠣᠯᠪᠠᠰᠤᠨ ᠵᠠᠩᠰᠢᠯ ᠢ ᠬᠦᠮᠦᠵᠢᠭᠦᠯᠦᠨ᠂ ᠪᠠᠶᠢᠭᠠᠯᠢ ᠶᠢᠨ ᠠᠮᠢ ᠠᠬᠤᠢ ᠶᠢᠨ ᠦᠩᠭᠡ ᠳᠥᠷᠰᠦ ᠶᠢ ᠨᠢ ᠬᠠᠮᠠᠭᠠᠯᠠᠨ᠂ ᠬᠦᠳᠡᠭᠡ ᠲᠣᠰᠬᠤᠨ ᠢ ᠨᠡᠩ | ᠦᠵᠡᠰᠭᠦᠯᠡᠩ ᠰᠠᠶᠢᠬᠠᠨ ᠪᠣᠯᠭᠠᠵᠤ᠂ ᠬᠠᠷᠠᠬᠤ ᠠᠴᠠ ᠬᠦᠬᠡᠮᠳᠦᠭ ᠠᠭᠤᠯᠠ ᠲᠠᠢ᠂ ᠦᠵᠡᠬᠦ ᠠᠴᠠ ᠴᠡᠩᠬᠡᠭ ᠤᠰᠤ ᠲᠠᠢ᠂ ᠨᠤᠳᠤᠭ ᠤᠰᠤ ᠶᠢ ᠨᠢ ᠰᠡᠳᠬᠢᠯ | ᠵᠢᠷᠦᠬᠡᠨ ᠳᠤᠨᠢ ᠬᠤᠨᠤᠬᠰᠢᠭᠤᠯᠤᠨᠠ᠃ | ︵ᠨᠠᠢᠮᠠ︶ ᠪᠣᠬᠢᠷᠲᠤᠯ ᠦᠭᠡᠢ ᠦᠪᠦᠷ ᠮᠣᠩᠭᠤᠯ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠎ᠠ᠃ ︽ᠴᠡᠩᠬᠡᠭ ᠣᠰᠣ ᠭᠦᠭᠡᠮᠳᠦᠭ ᠠᠭᠤᠯᠨ ᠪᠣᠯ ᠠᠯᠳᠠ | ᠮᠦᠩᠭᠦᠨ ᠠᠭᠤᠯᠨ︾ ᠭᠡᠮᠡᠭᠦ ᠣᠨᠣᠯᠵᠢᠬᠤᠨ ᠢ ᠪᠠᠳᠣ ᠪᠠᠬᠢ ᠪᠣᠢ ᠪᠣᠯᠭᠠᠵᠣ᠂ ᠠᠷᠪᠢᠯᠠᠨ ᠭᠠᠮᠨᠠᠬᠤ ᠶᠢ ᠲᠡᠷᠢᠭᠦᠨ ᠳᠤ ᠲᠠᠯᠪᠢᠬᠤ᠂ ᠬᠠᠮᠠᠭᠠᠯᠠᠬᠤ ᠶᠢ ᠲᠡᠷᠢᠭᠦᠨ ᠳᠤ | ᠲᠠᠯᠪᠢᠬᠤ᠂ ᠠᠶᠠᠨᠳᠠᠭᠠᠨ ᠰᠡᠷᠭᠦᠭᠡᠬᠦ ᠪᠠᠷ ᠭᠤᠣᠯ ᠪᠣᠯᠭᠠᠬᠤ ᠴᠢᠭᠯᠡᠯᠲᠡ ᠶᠢ ᠪᠠᠷᠢᠮᠲᠠᠯᠠᠵᠤ᠂ ᠣᠳᠣ ᠶᠢᠨ ᠪᠠᠶᠢᠭ᠎ᠠ ᠴᠡᠩᠬᠡᠭ ᠣᠰᠣ ᠭᠦᠭᠡᠮᠳᠦᠭ ᠠᠭᠤᠯᠨ ᠪᠠᠨ ᠰᠠᠶᠢᠲᠤᠷ | ᠬᠠᠮᠠᠭᠠᠯᠠᠬᠤ ᠪᠠᠷ ᠪᠠᠷᠠᠬᠤ ᠦᠭᠡᠢ᠂ ᠪᠠᠰᠠ ᠠᠮᠢ ᠠᠬᠤᠢ ᠶᠢ ᠴᠢᠷᠮᠠᠶᠢᠨ ᠦᠡᠭᠬᠡᠵᠢᠬᠦᠯᠦᠨ ᠰᠡᠷᠬᠦᠬᠡᠵᠦ᠂ ᠤᠤᠯ ᠤᠨ ᠦᠩᠭᠡ ᠦᠵᠡᠮᠵᠢ ᠶᠢ ᠨᠢ ᠰᠡᠷᠭᠦᠭᠡᠵᠦ᠂ ᠮᠠᠨ ᠤ | ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠥᠪᠰᠢᠨ ᠤ ᠬᠠᠯᠬᠠᠪᠴᠢ ᠶᠢ ᠪᠠᠬᠢᠵᠢᠭᠦᠯᠦᠨ᠎ᠡ᠃ | ᠠᠭᠤᠯᠠ ᠤᠰᠤ ᠤᠢ ᠮᠣᠳᠣ ᠡᠪᠡᠰᠦ ᠲᠠᠷᠢᠶ᠎ᠠ ᠨᠠᠭᠤᠷ ᠴᠦᠬᠦᠷᠦᠮ ᠤᠨ ᠰᠢᠰᠲ᠋ᠧᠮ ᠲᠠᠢ ᠵᠠᠰᠠᠯᠲᠠ ᠶᠢ ᠨᠢᠭᠡᠳᠦᠯᠲᠡᠢ ᠲᠥᠯᠥᠪᠯᠡᠨ᠂ ᠪᠠᠶᠢᠭᠠᠯᠢᠯᠢᠬ ᠣᠢ | ᠰᠢᠭᠤᠢ ᠶᠢᠨ ᠡᠬᠢ ᠪᠠᠶᠠᠯᠢᠭ ᠤᠨ ᠬᠠᠮᠠᠭᠠᠯᠠᠯᠲᠠ᠂ ︽ᠭᠤᠷᠪᠠᠨ ᠤᠮᠠᠷᠠᠲᠤ︾ ᠶᠢᠨ ᠬᠠᠯᠬᠠᠪᠴᠢ ᠤᠢ᠂ ᠰᠢᠨ᠎ᠡ ᠨᠢᠭᠡ ᠡᠭᠡᠯᠵᠢ ᠶᠢᠨ ᠲᠠᠷᠢᠶᠠᠯᠠᠬᠤ ᠶᠢ ᠵᠣᠭᠰᠤᠭᠠᠵᠤ ᠤᠢ | ᠰᠢᠭᠤᠢ ᠡᠪᠡᠰᠦ ᠪᠡᠯᠴᠢᠭᠡᠷ ᠢ ᠰᠡᠷᠭᠦᠭᠡᠬᠦ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠥᠷᠭᠦᠯᠵᠢᠯᠡᠨ ᠠᠬᠢᠭᠤᠯᠵᠤ᠂ | ᠬᠤᠯᠠᠨ ᠰᠢᠷᠭ᠎ᠠ ᠳᠠᠭ᠎ᠠ ᠶᠢᠨ ᠡᠯᠡᠰᠦ ᠪᠠ ᠬᠤᠷᠴᠢᠨ ᠤ ᠡᠯᠡᠰᠦ ᠮᠠᠩᠬ᠎ᠠ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠲᠤᠰᠬᠠᠢ ᠵᠠᠰᠠᠯᠲᠠ ᠶᠢ ᠬᠡᠷᠡᠭᠵᠢᠭᠦᠯᠦᠨ᠎ᠡ᠃ | ᠣᠢ ᠰᠢᠭᠤᠢ ᠡᠪᠡᠰᠦ ᠪᠡᠯᠴᠢᠭᠡᠷ ᠢ ᠰᠦᠢᠳᠬᠡᠵᠦ ᠬᠠᠭᠠᠯᠪᠤᠷᠢᠯᠠᠬᠤ ᠠᠰᠠᠭᠤᠳᠠᠯ ᠢ ᠡᠷᠡᠰ ᠴᠡᠭᠴᠡᠯᠡᠨ ᠵᠠᠰᠠᠵᠤ᠂ ᠬᠦᠯᠦᠨ ᠪᠤᠶᠢᠷ ᠵᠡᠷᠭᠡ ᠭᠤᠣᠯᠳᠠᠯᠭ᠎ᠠ ᠲᠠᠢ ᠠᠮᠢ | ᠠᠬᠤᠢ ᠶᠢᠨ ᠭᠠᠵᠠᠷ ᠣᠷᠣᠨ ᠳᠠᠬᠢ ᠲᠠᠷᠢᠶᠠᠯᠠᠬᠤ ᠶᠢ ᠵᠣᠭᠰᠤᠭᠠᠵᠤ ᠣᠢ ᠰᠢᠭᠤᠢ ᠡᠪᠡᠰᠦ ᠪᠡᠯᠴᠢᠭᠡᠷ ᠢ ᠰᠡᠷᠭᠦᠭᠡᠬᠦ ᠡᠷᠴᠢᠮ ᠢ ᠴᠢᠩᠭᠠᠷᠠᠭᠤᠯᠤᠨ᠎ᠠ᠃ ᠤᠰᠤᠨ | ᠰᠣᠷᠪᠣᠯᠵᠢ ᠶᠢᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠳᠥᠷᠢᠮ ᠢ ᠨᠠᠶᠢᠳᠠᠪᠤᠷᠢᠵᠢᠭᠤᠯᠵᠤ᠂ ᠭᠠᠵᠠᠷ ᠳᠣᠣᠷᠠᠬᠢ ᠤᠰᠤ ᠶᠢ ᠬᠡᠲᠦᠷᠬᠡᠢ ᠲᠠᠲᠠᠭᠰᠠᠨ ᠣᠷᠣᠨ ᠳᠤ | ᠶᠡᠷᠦᠩᠬᠡᠶᠢᠯᠡᠨ ᠵᠠᠰᠠᠬᠤ ᠶᠢ ᠦᠷᠨᠢᠭᠦᠯᠣᠨ᠎ᠠ᠃ ᠪᠣᠬᠢᠷ ᠪᠣᠳᠠᠰ ᠢ ᠭᠠᠳᠠᠭᠰᠢᠯᠠᠭᠤᠯᠬᠤ ᠪᠠᠷᠢᠮᠵᠢᠶ᠎ᠠ ᠶᠢ ᠳᠡᠭᠡᠭᠰᠢᠯᠡᠭᠦᠯᠵᠦ᠂ ᠠᠮᠢ ᠠᠬᠤᠢ ᠶᠢ ᠡᠪᠳᠡᠨ ᠰᠦᠢᠳᠬᠡᠭᠰᠡᠨ ᠪᠠ | ᠣᠷᠴᠢᠨ ᠲᠣᠭᠤᠷᠢᠨ ᠢ ᠪᠣᠬᠢᠷᠲᠤᠭᠤᠯᠤᠭᠰᠠᠨ ᠦᠢᠯᠡ ᠠᠵᠢᠯᠯᠠᠭ᠎ᠠ ᠶᠢ ᠡᠷᠡᠰ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠤᠯᠤᠰ ᠤᠨ ᠴᠡᠴᠡᠷᠯᠢᠭ ᠢᠶᠠᠷ ᠭᠤᠣᠯ ᠴᠣᠭᠴᠠ | ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮᠵᠢ ᠶᠢ ᠰᠦᠪᠡᠭᠴᠢᠯᠡᠨ | ᠪᠠᠶᠢᠭᠤᠯᠤᠨ᠎ᠠ᠃ | ᠪᠣᠬᠢᠷᠳᠦᠯ ᠦᠭᠡᠢ ᠬᠥᠭᠵᠢᠯᠲᠡ ᠶᠢ ᠪᠠᠷᠢᠮᠲᠠᠯᠠᠵᠤ᠂ ᠪᠣᠬᠢᠷᠳᠣᠯ ᠦᠭᠡᠢ ᠦᠢᠯᠡᠳᠪᠦᠷᠢᠯᠡᠵᠦ ᠬᠡᠷᠡᠭᠯᠡᠬᠦ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠪᠠ ᠠᠵᠤ | ᠠᠬᠤᠢ ᠶᠢᠨ ᠰᠢᠰᠲ᠋ᠧᠮᠵᠢ ᠶᠢ ᠪᠠᠶᠢᠭᠤᠯᠤᠨ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠴᠡᠪᠡᠷ ᠦᠢᠯᠡᠳᠪᠦᠷᠢᠯᠡᠯ᠂ ᠴᠡᠪᠡᠷ ᠡᠨᠧᠷᠭᠢ ᠶᠢᠨ ᠠᠵᠤ | ᠦᠢᠯᠡᠰ ᠢ ᠬᠥᠭᠵᠢᠭᠦᠯᠵᠦ᠂ ᠨᠢᠭᠡ ᠪᠦᠯᠦᠭ ᠪᠣᠬᠢᠷᠳᠣᠯ ᠦᠭᠡᠢ ᠠᠵᠤ ᠠᠬᠤᠶᠢᠯᠠᠯ᠂ ᠪᠣᠬᠢᠷᠳᠤᠯ ᠦᠭᠡᠢ ᠬᠦᠷᠢᠶᠡᠯᠡᠩ ᠲᠣᠭᠤᠷᠢᠭ᠂ ᠪᠣᠬᠢᠷᠳᠤᠯ ᠦᠭᠡᠢ ᠠᠭᠤᠷᠬᠠᠢ ᠶᠢ | ᠪᠦᠲᠦᠭᠡᠨ ᠪᠠᠶᠢᠭᠤᠯᠤᠨ᠎ᠠ᠃ ᠪᠣᠬᠢᠷᠳᠣᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠂ ᠠᠷᠪᠢᠯᠠᠨ ᠭᠠᠮᠨᠠᠬᠤ ᠬᠡᠯᠪᠡᠷᠢ | ᠪᠦᠬᠦᠢ ᠨᠡᠶᠢᠭᠡᠮ ᠢ | ᠪᠠᠶᠢᠭᠤᠯᠤᠨ᠎ᠠ᠃ | ᠠᠮᠢ ᠠᠬᠤᠢ ᠶᠢᠨ ᠪᠣᠯᠪᠠᠰᠤᠨ ᠤ ᠳᠦᠷᠢᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠭᠤᠣᠯ ᠴᠣᠭᠴᠠᠲᠤ ᠴᠢᠳᠠᠮᠵᠢ ᠶᠢᠨ ᠣᠷᠣᠨ ᠤ ᠪᠠᠶᠢᠯᠳᠤᠬᠤ | ᠪᠣᠳᠣᠯᠭ᠎ᠠ ᠶᠢ ᠭᠦᠨᠵᠡᠭᠡᠢ ᠬᠡᠷᠡᠭᠵᠢᠭᠦᠯᠦᠨ᠂ ᠭᠤᠣᠯ ᠴᠣᠭᠴᠠᠲᠤ ᠴᠢᠳᠠᠮᠵᠢ ᠶᠢᠨ ᠣᠷᠣᠨ ᠤ ᠲᠥᠯᠥᠪᠵᠢᠭᠦᠯᠭᠡ ᠪᠠ ᠲᠦᠬᠦᠷ ᠳᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠦᠮᠴᠢᠯᠡᠬᠦ ᠡᠷᠬᠡ ᠶᠢᠨ ᠳᠦᠷᠢᠮ ᠢ ᠪᠦᠷᠢᠨᠰᠢᠭᠦᠯᠵᠦ᠂ ᠤᠳᠤᠷᠢᠳᠬᠤ ᠺᠠᠳ᠋ᠷᠴᠤᠳ ᠤᠨ | ᠲᠤᠰᠢᠶᠠᠯ ᠠᠴᠠ ᠪᠠᠨ ᠰᠠᠯᠬᠤ ᠳᠤ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢ ᠬᠢᠨᠠᠨ ᠪᠣᠳᠣᠬᠤ ᠶᠢ ᠪᠦᠬᠦ ᠲᠠᠯ᠎ᠠ ᠪᠠᠷ ᠬᠢᠵᠦ᠂ ᠵᠠᠬ᠎ᠠ ᠳᠡᠯᠭᠡᠭᠦᠷᠴᠢᠯᠡᠭᠰᠡᠨ᠂ | ᠣᠯᠠᠨ ᠡᠰᠢᠵᠢᠭᠰᠡᠨ ᠠᠮᠢ ᠠᠬᠤᠢ ᠶᠢᠨ ᠲᠥᠯᠥᠪᠦᠷᠢᠯᠡᠬᠦ ᠲᠣᠭᠲᠠᠴᠠ ᠶᠢ ᠰᠤᠳᠤᠯᠤᠨ ᠪᠠᠶᠢᠭᠤᠯᠤᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠬᠢᠵᠠᠭᠠᠷ ᠱᠤᠭᠤᠮ | ᠲᠣᠭᠲᠠᠭᠠᠬᠤ ᠠᠵᠢᠯ ᠢ ᠪᠡᠶᠡᠯᠡᠭᠦᠯᠦᠨ᠎ᠡ᠃ ᠨᠠᠭᠤᠷ ᠭᠤᠣᠯ ᠤᠨ ᠨᠡᠷᠡᠰ ᠤᠨ ᠵᠢᠭᠰᠠᠭᠠᠯᠲᠠ ᠶᠢ ᠪᠠᠶᠢᠭᠤᠯᠤᠨ᠂ ᠭᠤᠣᠯ ᠮᠦᠷᠡᠨ ᠤ ᠠᠵᠢᠯ ᠳᠤ ᠬᠠᠷᠢᠭᠤᠴᠠᠬᠤ ᠳᠠᠷᠤᠭ᠎ᠠ | ᠪᠠ ᠨᠠᠭᠤᠷ ᠴᠥᠬᠦᠷᠦᠮ ᠤᠨ ᠠᠵᠢᠯ ᠳᠤ ᠬᠠᠷᠢᠭᠤᠴᠠᠬᠤ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ | ︵ᠶᠢᠰᠦ︶ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠤᠯᠤᠰ | ᠲᠥᠷᠥ ᠶᠢᠨ ᠦᠵᠡᠯ ᠤᠬᠠᠮᠰᠠᠷ᠂ ᠶᠡᠭᠡ ᠲᠠᠯ᠎ᠠ ᠶᠢᠨ ᠦᠵᠡᠯ ᠤᠬᠠᠮᠰᠠᠷ᠂ ᠭᠤᠣᠯᠯᠠᠬᠤ ᠦᠵᠡᠯ ᠤᠬᠠᠮᠰᠠᠷ᠂ ᠨᠢᠭᠡᠳᠦᠯᠲᠡᠢ ᠪᠠᠶᠢᠬᠤ ᠦᠵᠡᠯ ᠤᠬᠠᠮᠰᠠᠷ ᠢ ᠪᠠᠲᠤ ᠪᠠᠬᠢ | ᠪᠤᠢ ᠪᠣᠯᠭᠠᠵᠤ᠂ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠥᠵᠢᠯ ᠤᠨ ᠪᠠᠶᠢᠩᠭᠤᠵᠢᠭᠤᠯᠤᠨ | ᠳᠦᠷᠢᠮᠵᠢᠭᠦᠯᠬᠦ ᠶᠢ ᠠᠬᠢᠭᠤᠯᠤᠨ᠂ ︽ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠥᠵᠢᠯ ᠢ | ᠦᠷᠨᠢᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ | ᠲᠣᠯᠣᠭᠠᠢ ᠪᠠᠨ ᠵᠡᠪᠰᠡᠭᠯᠡᠨ᠂ ᠦᠢᠯᠡᠳᠦᠯᠭᠡ ᠶᠢ ᠵᠢᠯᠣᠭᠤᠳᠤᠨ᠂ ᠠᠵᠢᠯ ᠢᠶᠠᠨ ᠠᠬᠢᠭᠤᠯᠤᠨ᠎ᠠ᠃ ︽ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ | ᠮᠥᠷᠦᠭᠡᠳᠦᠯ ᠢᠶᠠᠷ ᠪᠢᠳᠠᠨ ᠤ ᠲᠡᠮᠡᠴᠡᠬᠦ ᠬᠠᠷᠠᠯᠲᠠ ᠪᠠᠨ ᠪᠣᠯᠭᠠᠬᠤ︾ ᠶᠢ ᠢᠮᠠᠭᠲᠠ ᠪᠠᠲᠤ ᠴᠡᠭᠡᠵᠢᠯᠡᠨ᠂ ᠠᠷᠠᠳ ᠲᠦᠮᠡᠨ ᠢᠶᠠᠷ ᠭᠤᠣᠯ ᠪᠣᠯᠭᠠᠬᠤ ᠦᠵᠡᠯ ᠰᠠᠨᠠᠭ᠎ᠠ ᠪᠠ | ᠨᠠᠮ ᠤᠨ ᠣᠯᠠᠨ ᠲᠥᠮᠡᠨᠴᠢ ᠱᠤᠭᠤᠮ ᠢ ᠵᠠᠰᠠᠭ ᠤᠨ ᠣᠷᠳᠣᠨ ᠤ ᠠᠵᠢᠯ ᠤᠨ ᠡᠯ᠎ᠡ ᠲᠠᠯ᠎ᠠ᠂ ᠪᠦᠬᠦ ᠶᠠᠪᠤᠴᠠ ᠳᠤ ᠠᠭᠤᠰᠤᠯᠴᠠᠭᠤᠯᠵᠤ᠂ ᠠᠷᠠᠳ ᠲᠦᠮᠡᠨ ᠳᠤ | ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠪᠦᠬᠦᠢ ᠵᠠᠰᠠᠭ ᠤᠨ ᠣᠷᠳᠣᠨ ᠢ ᠪᠠᠶᠢᠭᠤᠯᠤᠨ᠎ᠠ᠃ | ᠰᠢᠨ᠎ᠡ ᠴᠠᠭ ᠦᠶ᠎ᠡ ᠠᠴᠠ ᠠᠷᠠᠳ ᠤᠨ ᠵᠠᠰᠠᠭ ᠤᠨ ᠣᠷᠳᠣᠨ ᠢ ᠡᠷᠬᠡᠪᠰᠢ ᠰᠢᠨ᠎ᠡ ᠳᠥᠷᠰᠦ ᠪᠠᠶᠢᠳᠠᠯ ᠲᠠᠢ ᠪᠠᠶᠢᠬᠤ ᠶᠢ ᠱᠠᠭᠠᠷᠳᠠᠵᠤ ᠪᠠᠶᠢᠨ᠎ᠠ᠂ ᠪᠢᠳᠠ ᠢᠮᠠᠭᠲᠠ | ᠴᠠᠭ ᠦᠶ᠎ᠡ ᠶᠢᠨ ᠡᠮᠦᠨᠡᠭᠦᠷ ᠬᠤᠰᠢᠭᠤᠷᠠᠵᠦ᠂ ᠴᠠᠭ ᠦᠶ᠎ᠡ ᠪᠠ ᠠᠷᠠᠳ ᠲᠦᠮᠡᠨ ᠤ ᠳᠠᠭᠤᠨ ᠢ ᠰᠤᠨᠤᠰᠤᠨ᠂ ᠵᠣᠷᠢᠭᠲᠠᠢ ᠪᠠᠷ ᠤᠷᠤᠭᠰᠢᠯᠠᠬᠤ ᠴᠤᠭ ᠵᠢᠪᠬᠤᠭ᠎ᠠ ᠶᠢ | ᠪᠠᠲᠤᠳᠬᠠᠵᠤ᠂ ᠰᠤᠷᠤᠯᠴᠠᠬᠤ ᠡᠷᠳᠡᠮ ᠴᠢᠳᠠᠪᠤᠷᠢ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠡᠷᠳᠡᠮ ᠴᠢᠳᠠᠪᠤᠷᠢ᠂ ᠰᠢᠨᠵᠢᠯᠡᠬᠦ ᠤᠬᠠᠭᠠᠨᠴᠢ ᠪᠠᠷ ᠬᠥᠭᠵᠢᠭᠦᠯᠬᠦ | ᠡᠷᠳᠡᠮ ᠴᠢᠳᠠᠪᠤᠷᠢ᠂ ᠲᠥᠭᠰᠢᠬᠦᠷᠢ ᠶᠢ ᠡᠵᠡᠮᠳᠡᠬᠦ ᠡᠷᠳᠡᠮ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠷᠠᠭᠤᠯᠤᠨ᠂ ᠠᠮᠢᠵᠢᠷᠠᠯ ᠤᠨ ᠬᠦᠴᠦᠨ ᠪᠢᠯᠬᠠᠭᠰᠠᠨ ᠰᠤᠷᠤᠯᠴᠠᠬᠤ | ᠬᠡᠯᠪᠡᠷᠢ ᠪᠦᠬᠦᠢ᠂ ᠰᠢᠨ᠎ᠡ ᠶᠢ ᠡᠭᠦᠳᠬᠦ ᠬᠡᠯᠪᠡᠷᠢ ᠪᠦᠬᠦᠢ ᠵᠠᠰᠠᠭ ᠤᠨ ᠣᠷᠳᠣᠨ ᠢ ᠪᠠᠶᠢᠭᠤᠯᠤᠨ᠎ᠠ᠃ | ᠬᠠᠣᠯᠢ ᠪᠠᠷ ᠵᠠᠰᠠᠬᠤ ᠢᠲᠡᠭᠡᠯ ᠪᠢᠰᠢᠷᠡᠯ᠂ ᠬᠠᠣᠯᠢ ᠪᠠᠷ ᠵᠠᠰᠠᠬᠤ ᠰᠡᠳᠬᠢᠬᠦᠢ ᠶᠢ ᠵᠠᠰᠠᠭ ᠤᠨ ᠣᠷᠳᠣᠨ ᠤ ᠠᠵᠢᠯᠲᠠᠳ ᠤᠨ ᠤᠭᠤᠷᠠᠭ ᠲᠠᠷᠢᠬᠢᠨ ᠳᠤ | ᠰᠠᠭᠤᠬᠳᠠᠭᠤᠯᠵᠦ᠂ ᠵᠠᠰᠠᠭ ᠤᠨ ᠣᠷᠳᠣᠨ ᠤ ᠪᠠᠶᠢᠭᠤᠯᠤᠮᠵᠢ᠂ ᠡᠭᠦᠷᠭᠡ ᠴᠢᠳᠠᠪᠤᠷᠢ᠂ ᠡᠷᠬᠡ ᠶᠢᠨ ᠬᠢᠵᠠᠭᠠᠷ ᠂ ᠳᠡᠰ ᠳᠠᠷᠠᠭᠠᠯᠠᠯ᠂ ᠬᠠᠷᠢᠭᠤᠴᠠᠯᠭ᠎ᠠ ᠶᠢᠨ ᠬᠠᠣᠯᠢ ᠪᠠᠷ | ᠲᠣᠭᠲᠠᠭᠠᠬᠤ ᠶᠢ ᠠᠬᠢᠭᠤᠯᠤᠨ᠂ ᠵᠠᠰᠠᠭ ᠤᠨ ᠣᠷᠳᠣᠨ ᠤ ᠠᠵᠢᠯ ᠤᠨ ᠡᠷᠬᠡ ᠶᠢᠨ ᠵᠢᠷᠤᠮᠵᠢᠬᠤ ᠶᠢ ᠠᠬᠢᠭᠤᠯᠵᠤ᠂ ᠵᠠᠰᠠᠭ ᠵᠠᠬᠢᠷᠭᠠᠨ ᠤ ᠦᠢᠯᠡᠴᠢᠯᠡᠭᠡᠨ ᠤ | ᠪᠠᠷᠢᠮᠵᠢᠶᠠᠵᠢᠭᠤᠯᠬᠤ ᠶᠢ ᠬᠡᠷᠡᠭᠵᠢᠭᠦᠯᠦᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠵᠠᠰᠠᠭ ᠤᠨ ᠣᠷᠳᠣᠨ ᠤ ᠰᠣᠨᠢᠨ ᠮᠡᠳᠡᠭᠡ ᠨᠡᠶᠢᠲᠡᠯᠡᠬᠦ ᠶᠢᠨ | ᠪᠠᠶᠢᠩᠭᠤᠵᠢᠭᠤᠯᠬᠤ ᠶᠢ ᠬᠡᠷᠡᠭᠵᠢᠭᠦᠯᠵᠦ᠂ ᠴᠢᠩᠭ᠎ᠠ ᠪᠦᠭᠡᠳ ᠵᠢᠷᠤᠮᠵᠢᠭᠤᠨ᠂ ᠲᠥᠪ ᠭᠤᠣᠯᠴᠢ ᠪᠦᠭᠡᠳ ᠪᠣᠯᠪᠠᠰᠤᠨ ᠢᠶᠠᠷ ᠬᠠᠣᠯᠢ ᠶᠢ ᠬᠡᠷᠡᠭᠵᠢᠭᠦᠯᠵᠦ᠂ ᠢᠯᠡ ᠲᠣᠳᠣ᠂ | ᠲᠥᠪ ᠭᠤᠣᠯᠴᠢ᠂ ᠦᠨᠳᠦᠷ ᠪᠦᠲᠦᠮᠵᠢᠲᠡᠢ ᠬᠠᠣᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠤᠨ᠎ᠠ᠃ | ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠦᠨᠡᠨᠴᠢ ᠢᠲᠡᠭᠡᠮᠵᠢᠲᠡᠢ ᠪᠠᠷ ᠵᠠᠰᠠᠭ ᠶᠠᠪᠤᠭᠤᠯᠬᠤ ᠶᠢ ᠴᠢᠬᠤᠯᠠ ᠵᠢᠷᠤᠮᠯᠠᠯ ᠪᠣᠯᠭᠠᠵᠤ᠂ ᠶᠠᠷᠢᠪᠠᠰᠤ ᠬᠢᠵᠦ᠂ | ᠬᠢᠪᠡᠰᠦ ᠪᠦᠲᠦᠭᠡᠵᠦ᠂ ᠰᠢᠨ᠎ᠡ ᠳᠠᠷᠤᠭ᠎ᠠ ᠨᠠᠷ ᠡᠷᠬᠡᠪᠰᠢ ᠥᠩᠭᠡᠷᠡᠭᠰᠡᠨ ᠤ ᠳᠠᠩᠰᠠ ᠶᠢ ᠰᠢᠢᠳᠪᠦᠷᠢᠯᠡᠨ᠂ ᠵᠠᠰᠠᠭ ᠤᠨ ᠣᠷᠳᠣᠨ ᠤ ᠨᠡᠶᠢᠲᠡ ᠳᠤ ᠢᠲᠡᠭᠡᠭᠦᠯᠬᠦ ᠬᠦᠴᠦᠨ ᠢ | ᠳᠡᠭᠡᠭᠰᠢᠯᠡᠭᠦᠯᠦᠨ᠎ᠡ᠃ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠬᠡᠪᠡᠷ ᠦᠷᠨᠢᠭᠦᠯᠦᠨ᠂ ᠲᠠᠰᠤᠷᠠᠯᠲᠠ ᠦᠭᠡᠢ ᠬᠤᠪᠢᠷᠠᠵᠤ ᠪᠠᠶᠢᠭ᠎ᠠ ᠪᠠᠶᠢᠳᠠᠯ ᠢ ᠡᠵᠡᠮᠳᠡᠵᠦ᠂ | ᠠᠵᠢᠯ ᠤᠨ ᠰᠢᠨᠵᠢᠯᠡᠬᠦ ᠤᠬᠠᠭᠠᠨᠴᠢ ᠴᠢᠨᠠᠷ᠂ ᠣᠨᠣᠪᠴᠢᠲᠤ ᠴᠢᠨᠠᠷ ᠢ ᠴᠢᠩᠭᠠᠳᠬᠠᠨ᠎ᠠ᠃ ︽ᠬᠠᠳᠠᠭᠠᠰᠤ ᠬᠠᠳᠠᠬᠤ︾ ᠵᠣᠷᠢᠭ ᠰᠠᠨᠠᠭ᠎ᠠ ᠶᠢ ᠪᠠᠳᠠᠷᠠᠭᠤᠯᠤᠨ᠂ ᠠᠵᠢᠯ ᠤᠨ | ᠨᠠᠶᠢᠳᠠᠪᠤᠷᠢᠵᠢᠭᠤᠯᠤᠯᠳᠠ ᠶᠢ ᠬᠦᠴᠦᠲᠡᠢ ᠠᠳᠬᠤᠬᠤ ᠡᠷᠳᠡᠮ ᠴᠢᠳᠠᠪᠤᠷᠢ ᠶᠢ ᠨᠢ ᠴᠢᠩᠭᠠᠷᠠᠭᠤᠯᠤᠨ᠂ ᠵᠠᠰᠠᠭ ᠤᠨ ᠣᠷᠳᠣᠨ ᠤ ᠬᠡᠷᠡᠭᠵᠢᠭᠦᠯᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠢᠨᠠᠯᠲᠠ ᠲᠠᠯᠪᠢᠯᠲᠠ ᠶᠢ ᠬᠠᠣᠯᠢ ᠶᠣᠰᠣᠭᠠᠷ | ᠬᠦᠯᠢᠶᠡᠨ ᠠᠪᠴᠤ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯᠲᠤ ᠬᠢᠨᠠᠯᠲᠠ ᠲᠠᠯᠪᠢᠯᠲᠠ ᠶᠢ ᠤᠬᠠᠮᠰᠠᠷ ᠠᠴᠠ ᠪᠠᠨ ᠬᠦᠯᠢᠶᠡᠨ ᠠᠪᠴᠤ᠂ ᠨᠡᠶᠢᠭᠡᠮ | ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠤ᠂ ᠬᠢᠨᠠᠨ ᠪᠣᠳᠣᠵᠤ ᠬᠢᠨᠠᠯᠲᠠ ᠲᠠᠯᠪᠢᠬᠤ ᠶᠢ ᠴᠢᠩᠭᠠᠳᠬᠠᠨ᠂ ᠡᠷᠬᠡ | ᠪᠠ ᠬᠠᠷᠢᠭᠤᠴᠠᠯᠭ᠎ᠠ ᠨᠢ ᠨᠢᠭᠡᠳᠦᠯᠲᠡᠢ ᠬᠠᠷᠢᠭᠤᠴᠠᠯᠭᠠᠲᠤ ᠵᠠᠰᠠᠭ ᠤᠨ ᠣᠷᠳᠣᠨ ᠢ ᠪᠠᠶᠢᠭᠤᠯᠤᠨ᠎ᠠ᠃ | ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠲᠠᠯᠠᠨ᠂ ᠲᠥᠪ ᠤᠨ ᠨᠠᠢᠮᠠᠨ ᠵᠦᠢᠯ ᠤᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ | ᠰᠠᠨᠠᠭ᠎ᠠ ᠬᠢᠭᠡᠳ ᠥᠪᠡᠷᠲᠡᠭᠡᠨ ᠵᠠᠰᠠᠬᠤ ᠣᠷᠣᠨ ᠤ ᠳᠦᠬᠦᠷᠵᠢᠭᠦᠯᠦᠭᠰᠡᠨ ᠠᠷᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠳᠥᠷᠪᠡᠨ ᠰᠤᠷᠲᠠᠯ︾ ᠢ | ᠵᠠᠯᠠᠷᠠᠭᠤᠯᠬᠤ ᠶᠢ ᠡᠭᠦᠷᠢᠳᠡ ᠪᠠᠷᠢᠮᠲᠠᠯᠠᠨ᠂ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠲᠠ ᠪᠠ ᠢᠯᠵᠢᠷᠠᠯ ᠢ ᠡᠰᠡᠷᠭᠦᠴᠡᠬᠦ ᠠᠵᠢᠯ ᠢ ᠭᠦᠨᠵᠡᠭᠡᠢ ᠠᠬᠢᠭᠤᠯᠵᠤ᠂ | ᠰᠤᠷᠲᠠᠯ ᠴᠢᠭᠡᠴᠢ ᠣᠪᠣᠷ ᠲᠥᠪ ᠪᠠᠶᠢᠬᠤ ᠠᠷᠢᠭᠤᠨ ᠴᠢᠭᠡᠴᠢ ᠵᠠᠰᠠᠭ ᠤᠨ ᠣᠷᠳᠣᠨ ᠢ ᠪᠠᠶᠢᠭᠤᠯᠤᠨ᠎ᠠ᠃ | ᠲᠥᠯᠥᠭᠡᠯᠡᠭᠴᠢᠳ ᠡ︕ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠨᠢᠭᠡᠨᠲᠡ 70 ᠵᠢᠯ ᠤᠨ ᠬᠡᠷᠡᠯ ᠰᠠᠴᠤᠷᠠᠩᠭᠤᠢ ᠲᠡᠦᠬᠡᠨ ᠶᠠᠪᠤᠴᠠ ᠶᠢ | ᠥᠩᠭᠡᠷᠡᠭᠡᠪᠡ᠃ ᠰᠢᠨ᠎ᠡ ᠴᠠᠭ ᠦᠶ᠎ᠡ ᠳᠤ ᠤᠷᠤᠬᠰᠠᠨ ᠠᠴᠠ᠂ ᠪᠢᠳ᠋ᠨ ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ | ᠦᠨᠳᠦᠰᠦᠲᠡᠨ ᠤ ᠠᠰᠠᠭᠤᠳᠠᠯ ᠢ ᠳᠤᠮᠳᠠᠳᠤ ᠤᠯᠤᠰ ᠤᠨ ᠣᠨᠴᠠᠯᠢᠭ ᠲᠠᠢ ᠪᠠᠷ ᠰᠢᠢᠳᠪᠦᠷᠢᠯᠡᠬᠦ ᠵᠥᠪ ᠵᠠᠮ ᠢᠶᠠᠷ ᠭᠤᠶᠢᠪᠢᠰᠢ ᠦᠭᠡᠢ ᠵᠠᠮᠨᠠᠨ᠂ ᠦᠨᠳᠦᠰᠦᠲᠡᠨ ᠤ ᠲᠣᠬᠠᠢ | ᠨᠠᠮ ᠤᠨ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ | ᠪᠠᠷᠢᠮᠲᠠᠯᠠᠨ ᠲᠡᠭᠦᠯᠳᠡᠷᠵᠢᠭᠦᠯᠦᠨ᠎ᠡ᠃ ᠦᠨᠳᠦᠰᠦᠲᠡᠨ ᠤ ᠰᠤᠷᠭᠠᠨ ᠬᠥᠮᠥᠵᠢᠯ᠂ ᠦᠨᠳᠦᠰᠦᠲᠡᠨ ᠤ ᠡᠮ ᠡᠮᠨᠡᠯᠭᠡ᠂ ᠦᠨᠳᠦᠰᠦᠲᠡᠨ ᠤ ᠰᠣᠶᠣᠯ ᠪᠡᠶ᠎ᠡ ᠶᠢᠨ ᠲᠠᠮᠢᠷ ᠤᠨ | ᠠᠵᠢᠯ ᠦᠢᠯᠡᠰ ᠢ ᠢᠳᠡᠪᠬᠢᠲᠡᠢ ᠬᠥᠭᠵᠢᠭᠦᠯᠦᠨ᠂ ᠦᠨᠳᠦᠰᠦᠲᠡᠨ ᠨᠦᠭᠦᠳ ᠤᠨ ᠬᠠᠮᠲᠤ ᠶᠢᠨ ᠣᠶᠣᠨ ᠰᠠᠨᠠᠭᠠᠨ ᠤ ᠭᠡᠷ ᠣᠷᠣᠨ ᠢ ᠪᠠᠶᠢᠭᠤᠯᠤᠨ᠎ᠠ᠃ ᠬᠤᠳᠠ ᠶᠢᠨ | ᠦᠨᠳᠦᠰᠦᠳᠡᠨ ᠤ ᠠᠵᠢᠯ ᠢ ᠰᠠᠶᠢᠳᠤᠷ ᠬᠢᠨ᠎ᠠ᠃ ᠮᠠᠯᠵᠢᠬᠤ ᠬᠤᠰᠢᠭᠤ᠂ ᠬᠢᠯᠢ ᠬᠢᠵᠠᠭᠠᠷ ᠤᠨ ᠬᠤᠰᠢᠭᠤ ᠬᠤᠲᠠ᠂ ︽ᠭᠤᠷᠪᠠᠨ ᠴᠦᠬᠡᠨ ᠲᠤᠭᠠᠳᠤ ᠦᠨᠳᠦᠰᠦᠲᠡᠨ︾ | ᠤ ᠥᠪᠡᠷᠲᠡᠭᠡᠨ ᠵᠠᠰᠠᠬᠤ ᠬᠤᠰᠢᠭᠤ᠂ ᠦᠨᠳᠦᠰᠦᠲᠡᠨ ᠤ ᠰᠢᠶᠠᠩ ᠵᠡᠷᠭᠡ ᠴᠦᠬᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠭ᠎ᠠ ᠭᠠᠵᠠᠷ ᠣᠷᠣᠨ ᠪᠣᠯᠣᠨ | ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠤᠨ ᠬᠥᠭᠵᠢᠯᠲᠡ ᠶᠢ ᠳᠡᠮᠵᠢᠵᠦ᠂ ᠪᠦᠬᠦ ᠣᠷᠣᠨ ᠲᠠᠢ ᠵᠡᠷᠭᠡᠪᠡᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ | ᠵᠠᠰᠠᠬᠤ ᠬᠤᠰᠢᠭᠤ ᠪᠠᠶᠢᠭᠤᠯᠤᠭᠳᠠᠭᠰᠠᠨ 60 ᠵᠢᠯ ᠤᠨ ᠣᠢ ᠶᠢ ᠪᠡᠯᠭᠡᠯᠡᠬᠦ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠵᠤ ᠦᠷᠨᠢᠭᠦᠯᠦᠨ᠎ᠡ᠃ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠬᠥᠮᠥᠵᠢᠯ ᠢ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ | ᠴᠣᠭᠴᠠᠯᠠᠨ᠂ ᠥᠨᠳᠦᠰᠦᠲᠡᠨ ᠨᠦᠭᠦᠳ ᠤᠨ ᠰᠣᠯᠢᠯᠴᠠᠵᠤ ᠬᠠᠷᠢᠯᠴᠠᠵᠤ ᠠᠭᠤᠰᠤᠯᠴᠠᠬᠤ ᠶᠢ ᠴᠢᠩᠭᠠᠳᠬᠠᠵᠤ᠂ ᠦᠨᠳᠦᠰᠦᠲᠡᠨ ᠨᠦᠭᠦᠳ ᠬᠤᠭᠤᠷᠤᠨᠳᠤ ᠪᠠᠨ ᠠᠨᠠᠷ ᠤᠨ | ᠦᠷ᠎ᠡ ᠰᠢᠭ ᠪᠠᠷᠢᠯᠳᠤᠨ ᠨᠢᠭᠲᠠᠷᠠᠵᠤ᠂ ᠬᠠᠮᠲᠤᠪᠡᠷ ᠪᠦᠯᠬᠦᠮᠳᠡᠨ ᠲᠡᠮᠡᠴᠡᠵᠦ᠂ ᠬᠠᠮᠲᠤᠪᠡᠷ ᠴᠡᠴᠡᠭᠯᠡᠨ ᠬᠥᠭᠵᠢᠨ᠎ᠡ᠃ | ᠲᠥᠯᠥᠭᠡᠯᠡᠭᠴᠢᠳ ᠡ︕ ᠥᠪᠥᠷ ᠮᠣᠩᠭᠤᠯ ᠥᠩᠭᠡ ᠭᠡᠷᠡᠯᠲᠦ ᠲᠡᠦᠬᠡ ᠲᠠᠢ ᠪᠠᠶᠢᠵᠤ᠂ ᠥᠪᠥᠷ ᠮᠣᠩᠭᠤᠯ ᠤᠨ ᠠᠷᠠᠳ ᠲᠦᠮᠡᠨ ᠴᠠᠭ ᠦᠶ᠎ᠡ ᠳᠡᠭᠡᠨ | ᠣᠰᠣᠯᠳᠠᠭᠠ ᠦᠭᠡᠢ ᠶᠤᠮ᠃ ᠨᠠᠮ ᠤᠨ ᠤᠳᠤᠷᠢᠳᠤᠯᠭ᠎ᠠ ᠳᠣᠣᠷ᠎ᠠ᠂ ᠪᠢᠳᠠ ᠪᠦᠬᠦ ᠤᠯᠤᠰ ᠤᠨ ᠠᠷᠠᠳ ᠲᠦᠮᠡᠨ ᠲᠠᠢ ᠬᠠᠮᠲᠤ ᠪᠣᠰᠴᠤ ᠵᠣᠭᠰᠣᠭᠰᠠᠨ ᠪᠠ ᠪᠠᠶᠠᠵᠢᠨ | ᠴᠢᠨᠡᠭᠡᠯᠢᠭᠵᠢᠭᠰᠡᠨ ᠠᠭᠤᠤ ᠶᠡᠭᠡ ᠲᠡᠦᠬᠡᠨ ᠶᠠᠪᠤᠴᠠ ᠶᠢ ᠥᠩᠭᠡᠷᠡᠭᠡᠪᠡ᠃ ᠰᠢᠨ᠎ᠡ ᠴᠠᠭ ᠦᠶ᠎ᠡ ᠳᠤ ᠰᠢᠨ᠎ᠡ ᠠᠶᠠᠨ ᠢ ᠡᠬᠢᠯᠡᠭᠦᠯᠦᠨ᠂ ᠪᠠᠶᠠᠵᠢᠵᠦ | ᠴᠢᠨᠡᠭᠡᠯᠢᠭᠵᠢᠭᠰᠡᠨ ᠠᠴᠠ ᠪᠠᠨ ᠬᠦᠴᠦᠷᠬᠡᠭᠵᠢᠬᠦ ᠠᠭᠤᠤ ᠶᠡᠭᠡ ᠲᠡᠦᠬᠡᠨ ᠶᠠᠪᠤᠴᠠ ᠳᠤ᠂ ᠪᠢᠳᠠ ᠲᠡᠷᠢᠭᠦᠯᠡᠨ ᠲᠠᠪᠰᠢᠬᠤ ᠪᠠᠷ ᠴᠢᠷᠮᠠᠶᠢᠵᠤ᠂ ᠰᠢᠨ᠎ᠡ ᠴᠠᠭ ᠦᠶ᠎ᠡ ᠶᠢᠨ ︽ | ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠠᠶᠢᠭᠤᠯᠤᠨ᠎ᠠ᠃ | ᠲᠥᠯᠥᠭᠡᠯᠡᠭᠴᠢᠳ ᠡ︕ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠴᠢᠩᠭ᠎ᠠ ᠨᠢᠭᠲᠠᠷᠠᠨ | ᠪᠦᠯᠬᠦᠮᠳᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠦᠨᠳᠦᠷ ᠮᠠᠨᠳᠤᠭᠤᠯᠵᠤ᠂ ᠡᠷᠡᠰ ᠵᠣᠷᠢᠭᠲᠠᠢ ᠪᠠᠷ ᠴᠢᠷᠮᠠᠶᠢᠨ | ᠣᠷᠤᠭᠰᠢᠯᠠᠵᠤ᠂ ᠰᠢᠷᠭᠠᠭᠤ ᠬᠠᠲᠠᠭᠤᠵᠢᠯᠲᠠᠢ ᠪᠠᠷ ᠠᠵᠢᠯᠯᠠᠨ᠂ ︽ᠦᠵᠡᠰᠭᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ | ᠳᠤᠮᠳᠠᠳᠤ ᠶᠢᠨ ᠵᠡᠭᠦᠳᠦ ᠶᠢ ᠬᠠᠮᠲᠤᠪᠡᠷ ᠲᠡᠷᠭᠡᠯᠰᠢᠭᠦᠯᠬᠦ︾ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕ |