ᠥᠪᠥᠷ ᠵᠠᠰᠠᠭ ᠲᠠᠷᠬᠠᠭᠠᠭᠰᠠᠨ ﹇2018﹈ 38 ᠳ᠋ᠤᠭᠠᠷ ᠲᠤᠭᠠᠳᠤ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠶᠠᠰᠤ ᠴᠢᠨᠠᠷ ᠤᠨ ᠭᠡᠷᠡᠴᠢᠯᠡᠭᠡ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ ᠶᠠᠰᠤ ᠴᠢᠨᠠᠷ ᠤᠨ ᠪᠥᠬᠦ ᠲᠠᠯ᠎ᠠ ᠶᠢᠨ ᠬᠠᠮᠢᠶᠠᠷᠤᠯᠲᠠ ᠶᠢ | ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠷᠥ ᠲᠠᠷᠬᠠᠭᠠᠭᠰᠠᠨ ﹇2018﹈ 3 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ | ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠡᠳᠦᠭᠡ ᠶᠠᠰᠤ ᠴᠢᠨᠠᠷ ᠤᠨ ᠭᠡᠷᠡᠴᠢᠯᠡᠭᠡ ᠶᠢᠨ ᠰᠢᠰᠲ᠋ᠧᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ ᠶᠠᠰᠤ ᠴᠢᠨᠠᠷ ᠤᠨ ᠪᠥᠬᠦ ᠲᠠᠯ᠎ᠠ ᠶᠢᠨ ᠬᠠᠮᠢᠶᠠᠷᠤᠯᠲᠠ ᠶᠢ ᠠᠬᠢᠭᠤᠯᠬᠤ ᠪᠠᠷ ᠳᠣᠣᠷᠠᠬᠢ ᠮᠡᠲᠦ ᠬᠡᠷᠡᠭᠵᠢᠭᠦᠯᠬᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠶᠢᠨ ᠪᠠᠶᠢᠯᠳᠤᠬᠤ ᠪᠣᠳᠣᠯᠭ᠎ᠠ ᠪᠣᠯᠣᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭᠠᠨ ᠤ | ᠶᠡᠷᠦᠩᠬᠡᠢ ᠪᠠᠶᠢᠷᠢᠯᠠᠭᠤᠯᠤᠯᠲᠠ ᠶᠣᠰᠣᠭᠠᠷ ᠶᠠᠰᠤ ᠴᠢᠨᠠᠷ ᠤᠨ ᠲᠡᠷᠢᠭᠦᠨ ᠤ ᠬᠠᠮᠢᠶᠠᠷᠤᠯᠲᠠ ᠶᠢᠨ ᠪᠠᠷᠢᠮᠵᠢᠶ᠎ᠠ ᠪᠣᠯᠣᠨ ᠠᠷᠭ᠎ᠠ ᠶᠢ ᠳᠡᠯᠭᠡᠷᠡᠭᠦᠯᠦᠨ ᠬᠡᠷᠡᠭᠯᠡᠵᠦ᠂ ᠨᠢᠭᠡᠳᠦᠯᠲᠡᠢ | ᠬᠠᠮᠢᠶᠠᠷᠤᠭᠰᠠᠨ᠂ ᠬᠠᠮᠲᠤ ᠪᠠᠷ ᠬᠡᠷᠡᠭᠵᠢᠭᠦᠯᠦᠭᠰᠡᠨ᠂ ᠡᠷᠬᠡ ᠰᠦᠷᠲᠡᠢ ᠪᠥᠭᠡᠳ ᠨᠡᠶᠢᠲᠡ ᠳᠤ ᠢᠲᠡᠭᠡᠮᠵᠢᠲᠡᠢ᠂ ᠨᠡᠶᠢᠳᠡᠮ ᠬᠡᠷᠡᠭᠯᠡᠭᠳᠡᠨ ᠮᠡᠳᠡᠷᠡᠭᠳᠡᠬᠦ ᠶᠠᠰᠤ ᠴᠢᠨᠠᠷ ᠤᠨ | ᠭᠡᠷᠡᠴᠢᠯᠡᠭᠡ ᠶᠢᠨ ᠰᠢᠰᠲ᠋ᠧᠮᠵᠢ ᠶᠢ ᠴᠣᠭᠴᠠᠯᠠᠨ ᠪᠠᠶᠢᠭᠤᠯᠵᠤ᠂ ᠠᠵᠢᠯ ᠲᠥᠷᠥᠯ ᠤᠨ ᠬᠥᠭᠵᠢᠯᠲᠡ ᠪᠣᠯᠣᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠤᠨ᠂ | ᠶᠠᠰᠤ ᠴᠢᠨᠠᠷ ᠤᠨ ᠪᠥᠬᠦ ᠲᠠᠯ᠎ᠠ ᠶᠢᠨ ᠬᠠᠮᠢᠶᠠᠷᠤᠯᠲᠠ ᠶᠢ ᠴᠢᠩᠭᠠᠷᠠᠭᠤᠯᠵᠤ᠂ ᠦᠢᠯᠡᠳᠬᠦᠨ᠂ ᠢᠨᠵᠧᠨᠧᠷᠢᠩ ᠪᠣᠯᠣᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ | ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠴᠢᠨᠠᠷᠵᠢᠭᠤᠨ ᠬᠥᠭᠵᠢᠯᠲᠡ ᠶᠢ ᠠᠬᠢᠭᠤᠯᠤᠨ᠎ᠠ᠃ | ︵ᠬᠤᠶᠠᠷ︶ ᠦᠨᠳᠦᠰᠦᠨ ᠵᠠᠷᠴᠢᠮ | — ᠵᠠᠬ᠎ᠠ ᠳᠡᠯᠭᠡᠭᠦᠷ ᠢᠶᠠᠷ ᠭᠤᠣᠯ ᠤᠳᠤᠷᠢᠳᠤᠮᠵᠢ ᠪᠣᠯᠭᠠᠨ᠂ ᠵᠠᠰᠠᠭ ᠤᠨ ᠣᠷᠳᠣᠨ ᠬᠥᠲᠥᠯᠥᠨ ᠵᠢᠯᠣᠭᠤᠳᠤᠨ᠎ᠠ᠃ ᠵᠠᠬ᠎ᠠ ᠳᠡᠯᠭᠡᠭᠦᠷ ᠤᠨ ᠬᠡᠷᠡᠭᠴᠡᠭᠡ | ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠳᠣᠪᠤᠶᠢᠯᠭᠠᠨ᠎ᠠ᠃ ᠵᠠᠰᠠᠭ ᠤᠨ ᠣᠷᠳᠣᠨ ᠤ | ᠲᠥᠯᠥᠪᠵᠢᠭᠦᠯᠵᠦ ᠬᠥᠲᠥᠯᠥᠨ ᠵᠢᠯᠣᠭᠤᠳᠬᠤ᠂ ᠲᠥᠷᠥ ᠶᠢᠨ ᠪᠣᠳᠣᠯᠭ᠎ᠠ ᠪᠠᠷ ᠲᠡᠳᠬᠦᠬᠦ᠂ ᠬᠢᠨᠠᠨ ᠬᠠᠮᠢᠶᠠᠷᠴᠤ ᠦᠢᠯᠡᠴᠢᠯᠡᠬᠦ ᠵᠡᠷᠭᠡ ᠦᠢᠯᠡᠳᠦᠯ ᠢ ᠴᠢᠩᠭᠠᠷᠠᠭᠤᠯᠤᠨ᠂ | ᠶᠠᠰᠤ ᠴᠢᠨᠠᠷ ᠤᠨ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠨᠥᠬᠦᠴᠡᠯ ᠢ ᠪᠣᠢ ᠪᠣᠯᠭᠠᠨ᠎ᠠ᠃ | — ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠰᠢᠨ᠎ᠡ ᠡᠭᠦᠳᠦᠯᠲᠡ ᠲᠠᠢ ᠬᠥᠭᠵᠢᠭᠦᠯᠦᠨ᠎ᠡ᠃ ᠶᠠᠰᠤ ᠴᠢᠨᠠᠷ ᠤᠨ ᠭᠡᠷᠡᠴᠢᠯᠡᠭᠡ ᠶᠢ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠣᠯᠣᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠬᠤ ᠴᠢᠬᠤᠯᠠ ᠭᠠᠷᠳᠠᠴᠠ | ᠪᠣᠯᠭᠠᠨ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ ᠬᠤᠪᠢᠷᠠᠭᠤᠯᠬᠤ ᠶᠢ ᠠᠬᠢᠭᠤᠯᠵᠤ᠂ ᠶᠠᠰᠤ ᠴᠢᠨᠠᠷ ᠤᠨ ᠬᠥᠭᠵᠢᠯᠲᠡ ᠶᠢᠨ ᠲᠣᠭᠲᠠᠴᠠ ᠳᠤ ᠰᠢᠨ᠎ᠡ ᠶᠢ | ᠡᠭᠦᠳᠦᠨ᠂ ᠶᠠᠰᠤ ᠴᠢᠨᠠᠷ ᠢᠶᠠᠨ ᠳᠡᠭᠡᠭᠰᠢᠯᠡᠭᠦᠯᠬᠦ ᠬᠦᠳᠡᠯᠭᠡᠭᠴᠢ ᠴᠢᠳᠠᠪᠤᠷᠢ ᠶᠢ ᠨᠢ ᠤᠷᠮᠠᠰᠢᠭᠤᠯᠤᠨ ᠬᠥᠭᠵᠢᠭᠡᠨ᠎ᠡ᠃ | — ᠤᠷᠮᠠᠰᠢᠭᠤᠯᠬᠤ ᠪᠠ ᠬᠢᠵᠠᠭᠠᠷᠯᠠᠬᠤ ᠶᠢ ᠬᠡᠷᠡᠭᠵᠢᠭᠦᠯᠦᠨ᠂ ᠣᠯᠠᠨ ᠡᠰᠢᠵᠢᠭᠦᠯᠦᠨ ᠬᠠᠮᠲᠤ ᠪᠠᠷ ᠵᠠᠰᠠᠨ᠎ᠠ᠃ ᠬᠥᠲᠥᠯᠥᠨ ᠵᠢᠯᠣᠭᠤᠳᠬᠤ ᠪᠠ | ᠠᠯᠪᠠᠳᠠᠬᠤ ᠶᠢᠨ ᠤᠶᠠᠯᠳᠤᠯ ᠢ ᠪᠠᠷᠢᠮᠲᠠᠯᠠᠨ᠂ ᠰᠠᠶᠢᠨ ᠳᠤᠷ᠎ᠠ ᠠᠴᠠ ᠪᠠᠨ ᠥᠷᠨᠢᠭᠦᠯᠬᠦ ᠪᠠᠷ ᠭᠤᠣᠯᠯᠠᠭᠤᠯᠵᠤ᠂ ᠠᠯᠪᠠᠳᠠᠨ ᠬᠡᠷᠡᠭᠵᠢᠭᠦᠯᠬᠦ ᠪᠠᠷ ᠲᠤᠰᠠᠯᠠᠭᠤᠯᠤᠨ᠂ ᠠᠮᠤᠷ | ᠲᠦᠪᠰᠢᠨ᠂ ᠡᠷᠡᠭᠦᠯ ᠮᠡᠨᠳᠦ᠂ ᠣᠷᠴᠢᠨ ᠲᠣᠭᠤᠷᠢᠨ ᠵᠡᠷᠭᠡ ᠲᠠᠯ᠎ᠠ ᠳᠤ ᠬᠤᠯᠪᠣᠭᠳᠠᠭᠰᠠᠨ ᠦᠢᠯᠡᠳᠬᠦᠨ ᠳᠤ ᠠᠯᠪᠠᠳᠠᠯᠭ᠎ᠠ ᠶᠢᠨ ᠴᠢᠨᠠᠷᠲᠠᠢ ᠪᠠᠷ ᠭᠡᠷᠡᠴᠢᠯᠡᠭᠡ ᠬᠢᠬᠦ ᠶᠢ | ᠬᠠᠤᠯᠢ ᠶᠣᠰᠣᠭᠠᠷ ᠬᠡᠷᠡᠭᠵᠢᠭᠦᠯᠵᠦ᠂ ᠠᠵᠤ ᠠᠬᠤᠶᠢᠯᠠᠯ ᠢ ᠵᠣᠷᠢᠬᠵᠢᠭᠤᠯᠵᠤ ᠪᠠᠶᠢᠭᠠᠳ ᠰᠠᠶᠢᠨ ᠳᠤᠷ᠎ᠠ ᠠᠴᠠ ᠪᠠᠨ ᠭᠡᠷᠡᠴᠢᠯᠡᠭᠡ ᠬᠢᠯᠭᠡᠬᠦ ᠳᠤ ᠣᠷᠣᠯᠴᠠᠭᠤᠯᠤᠨ᠂ | ᠤᠷᠮᠠᠰᠢᠭᠤᠯᠬᠤ ᠪᠠ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠢ ᠬᠥᠲᠥᠯᠥᠨ ᠵᠢᠯᠣᠭᠤᠳᠴᠤ ᠪᠠᠶᠢᠭᠠᠳ ᠶᠠᠰᠤ ᠴᠢᠨᠠᠷ ᠢ | ᠬᠠᠮᠲᠤ ᠪᠠᠷ ᠵᠠᠰᠠᠬᠤ ᠶᠢ ᠥᠷᠨᠢᠭᠦᠯᠦᠨ᠂ ᠶᠠᠰᠤ ᠴᠢᠨᠠᠷ ᠤᠨ ᠪᠥᠬᠦ ᠲᠠᠯ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠶᠠᠰᠤ ᠴᠢᠨᠠᠷ ᠤᠨ ᠬᠥᠭᠵᠢᠯᠲᠡ ᠶᠢᠨ ᠦᠷ᠎ᠡ | ᠪᠦᠲᠦᠭᠡᠯ ᠢ ᠬᠠᠮᠲᠤ ᠳᠤ ᠪᠠᠨ ᠬᠦᠷᠲᠡᠬᠦ ᠪᠣᠯᠭᠠᠨ᠎ᠠ᠃ | — ᠲᠣᠭᠲᠠᠭᠤᠨ ᠪᠠᠶᠢᠯᠭᠠᠬᠤ ᠮᠥᠷᠲᠡᠭᠡᠨ ᠤᠷᠤᠭᠰᠢᠯᠠᠭᠤᠯᠤᠨ ᠳᠠᠪᠰᠢᠭᠤᠯᠵᠤ᠂ ᠰᠠᠭᠤᠷᠢ ᠶᠢ ᠨᠢ ᠪᠠᠲᠤᠳᠬᠠᠨ ᠦᠨᠳᠦᠰᠦ ᠠᠴᠠ ᠨᠢ ᠪᠠᠬᠢᠵᠢᠭᠦᠯᠦᠨ᠎ᠡ᠃ | ᠶᠠᠰᠤ ᠴᠢᠨᠠᠷ ᠤᠨ ᠭᠡᠷᠡᠴᠢᠯᠡᠭᠡ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠪᠦᠭᠡᠳ ᠯᠠᠪᠳᠠᠭᠤᠨ ᠢᠶᠠᠷ ᠠᠬᠢᠭᠤᠯᠤᠨ᠂ ᠭᠡᠷᠡᠴᠢᠯᠡᠭᠡ ᠶᠢ ᠬᠢᠨᠠᠨ | ᠬᠠᠮᠢᠶᠠᠷᠬᠤ ᠡᠭᠦᠷᠭᠡ ᠴᠢᠳᠠᠪᠤᠷᠢ ᠶᠢ ᠴᠢᠩᠭᠠᠷᠠᠭᠤᠯᠬᠤ ᠪᠠ ᠡᠩᠨᠡᠭᠡᠨ ᠤ ᠲᠣᠭᠲᠠᠭᠤᠨ ᠪᠠᠶᠢᠬᠤ ᠶᠢ ᠪᠠᠲᠤᠯᠠᠵᠤ᠂ ᠲᠥᠷᠥ ᠶᠢᠨ ᠪᠣᠳᠣᠯᠭ᠎ᠠ ᠪᠠᠷ ᠪᠠᠲᠤᠯᠠᠬᠤ ᠪᠠ | ᠣᠷᠤᠭᠤᠯᠤᠯᠲᠠ ᠶᠢᠨ ᠡᠷᠴᠢᠮ ᠢ ᠲᠠᠰᠤᠷᠠᠯᠲᠠ ᠦᠭᠡᠢ ᠴᠢᠩᠭᠠᠷᠠᠭᠤᠯᠵᠤ᠂ ᠰᠠᠭᠤᠷᠢ ᠪᠠᠲᠤᠯᠠᠬᠤ ᠴᠢᠳᠠᠪᠤᠷᠢ ᠶᠢ ᠲᠠᠰᠤᠷᠠᠯᠲᠠ ᠦᠭᠡᠢ ᠪᠠᠲᠤᠳᠬᠠᠨ᠎ᠠ᠃ | ︵ᠭᠤᠷᠪᠠ︶ ᠭᠤᠣᠯ ᠬᠠᠷᠠᠯᠲᠠ᠃ 3 — 5 ᠵᠢᠯ ᠤᠨ ᠴᠢᠷᠮᠠᠶᠢᠯᠭ᠎ᠠ ᠪᠠᠷ ᠳᠠᠮᠵᠢᠨ᠂ ᠪᠥᠬᠦ ᠣᠷᠣᠨ ᠤ ᠶᠠᠰᠤ ᠴᠢᠨᠠᠷ ᠤᠨ ᠭᠡᠷᠡᠴᠢᠯᠡᠭᠡ ᠶᠢᠨ ᠰᠢᠰᠲ᠋ᠧᠮᠵᠢ ᠶᠢ | ᠲᠡᠭᠦᠯᠳᠡᠷᠵᠢᠭᠦᠯᠵᠦ᠂ ᠡᠯ᠎ᠡ ᠲᠥᠷᠥᠯ ᠤᠨ ᠵᠣᠬᠢᠶᠠᠨ ᠪᠠᠶᠢᠭᠤᠯᠤᠯᠲᠠ ᠶᠢᠨ ᠬᠢᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠴᠢᠳᠠᠪᠤᠷᠢ ᠶᠢ ᠨᠢ ᠢᠯᠡᠳᠲᠡ ᠴᠢᠩᠭᠠᠷᠠᠭᠤᠯᠤᠨ | ᠂ ᠭᠤᠣᠯ ᠪᠣᠯᠬᠤ ᠦᠢᠯᠡᠳᠬᠦᠨ᠂ ᠢᠨᠵᠧᠨᠧᠷᠢᠩ᠂ ᠦᠢᠯᠡᠴᠢᠯᠡᠭᠡᠨ ᠤ ᠶᠠᠰᠤ ᠴᠢᠨᠠᠷ ᠤᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠥᠷᠢᠰᠦᠯᠳᠦᠬᠦ ᠬᠦᠴᠦᠨ | ᠪᠦᠬᠦᠢ ᠨᠢᠭᠡ ᠪᠦᠯᠦᠭ ᠶᠠᠰᠤ ᠴᠢᠨᠠᠷ ᠲᠠᠢ ᠨᠡᠷᠡᠲᠦ ᠲᠡᠮᠳᠡᠭᠲᠦ ᠶᠢ ᠪᠣᠢ ᠪᠣᠯᠭᠠᠨ᠎ᠠ᠃ ᠠᠵᠤ ᠠᠬᠤᠢ ᠳᠤ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ | ᠦᠢᠯᠡᠴᠢᠯᠡᠬᠦ ᠴᠢᠳᠠᠪᠤᠷᠢ ᠶᠢ ᠮᠡᠳᠡᠭᠳᠡᠮ᠎ᠡ ᠳᠡᠭᠡᠭᠰᠢᠯᠡᠭᠦᠯᠦᠨ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠶᠢᠨ ᠣᠯᠠᠨ ᠨᠡᠶᠢᠲᠡ ᠳᠤ ᠦᠢᠯᠡᠴᠢᠯᠡᠬᠦ ᠲᠠᠪᠴᠠᠩ ᠤᠨ | ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠮᠡᠳᠡᠭᠳᠡᠮ᠎ᠡ ᠦᠷ᠎ᠡ ᠪᠦᠲᠦᠬᠡᠮᠵᠢ ᠣᠯᠵᠤ᠂ ᠵᠠᠬ᠎ᠠ ᠳᠡᠯᠭᠡᠭᠦᠷ ᠤᠨ ᠬᠤᠳᠠᠯᠳᠤᠨ ᠠᠪᠬᠤ᠂ ᠠᠵᠢᠯ ᠲᠥᠷᠥᠯ ᠤᠨ | ᠬᠠᠮᠢᠶᠠᠷᠤᠯᠲᠠ᠂ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ᠂ ᠨᠡᠶᠢᠭᠡᠮ ᠤᠨ ᠬᠠᠮᠲᠤ ᠪᠠᠷ ᠵᠠᠰᠠᠬᠤ ᠲᠠᠯ᠎ᠠ ᠳᠤ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ | ᠭᠡᠷᠡᠴᠢᠯᠡᠭᠡ ᠶᠢᠨ ᠦᠷ᠎ᠡ ᠳ᠋ᠦᠩ ᠢ ᠥᠷᠭᠡᠨ ᠢᠶᠠᠷ ᠦᠨᠡᠮᠰᠢᠨ ᠬᠡᠷᠡᠭᠯᠡᠭᠦᠯᠬᠦ ᠪᠣᠯᠭᠠᠨ᠎ᠠ᠃ | ᠬᠤᠶᠠᠷ᠂ ᠭᠤᠣᠯᠳᠠᠯᠭ᠎ᠠ ᠪᠣᠯᠬᠤ ᠡᠭᠦᠷᠭᠡ | ︵ᠨᠢᠭᠡ︶ ᠶᠠᠰᠤ ᠴᠢᠨᠠᠷ ᠢ ᠵᠠᠰᠠᠬᠤ ᠵᠠᠰᠠᠭ ᠤᠨ ᠣᠷᠳᠣᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ | 1. ᠶᠠᠰᠤ ᠴᠢᠨᠠᠷ ᠤᠨ ᠰᠠᠭᠤᠷᠢ ᠪᠣᠯᠬᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠤ ᠶᠠᠰᠤ ᠴᠢᠨᠠᠷ ᠤᠨ | ᠲᠠᠯ᠎ᠠ ᠪᠠᠷ ᠬᠢ ᠦᠵᠡᠯ ᠤᠬᠠᠮᠰᠠᠷ ᠢ ᠦᠨᠡᠨ ᠬᠦ ᠳᠡᠭᠡᠭᠰᠢᠯᠡᠭᠦᠯᠦᠨ᠂ ᠶᠠᠰᠤ ᠴᠢᠨᠠᠷ ᠤᠨ ᠬᠡᠮᠵᠢᠭᠦᠷ᠂ ᠪᠠᠷᠢᠮᠵᠢᠶ᠎ᠠ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ᠂ | ᠮᠡᠳᠡᠷᠡᠵᠦ ᠵᠥᠪᠰᠢᠶᠡᠷᠡᠬᠦ ᠰᠠᠭᠤᠷᠢ ᠪᠣᠯᠬᠤ ᠪᠡᠯᠡᠳᠬᠡᠮᠵᠢ ᠶᠢᠨ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠪᠠᠷ | ᠬᠥᠲᠥᠯᠥᠨ ᠵᠢᠯᠣᠭᠤᠳᠬᠤ ᠶᠢ ᠴᠢᠩᠭᠠᠷᠠᠭᠤᠯᠤᠨ᠂ ᠤᠷᠮᠠᠰᠢᠭᠤᠯᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠢᠲᠡᠭᠡᠮᠵᠢ ᠪᠠᠷ ᠬᠢᠵᠠᠭᠠᠷᠯᠠᠬᠤ ᠶᠢ ᠴᠢᠩᠳᠠᠯᠠᠨ᠂ | ᠢᠲᠡᠭᠡᠮᠵᠢ ᠪᠠᠷ ᠬᠢᠨᠠᠨ ᠬᠠᠮᠢᠶᠠᠷᠬᠤ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠦᠢᠯᠡᠳᠦᠯ ᠪᠦᠲᠦᠮᠵᠢ ᠪᠠ ᠵᠠᠰᠠᠭ ᠤᠨ ᠣᠷᠳᠣᠨ ᠤ ᠨᠡᠶᠢᠲᠡ ᠳᠤ ᠢᠲᠡᠭᠡᠭᠦᠯᠬᠦ | ᠬᠦᠴᠦᠨ ᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 2. ᠶᠠᠰᠤ ᠴᠢᠨᠠᠷ ᠢ ᠵᠠᠰᠠᠬᠤ ᠵᠠᠰᠠᠭ ᠤᠨ ᠣᠷᠳᠣᠨ ᠤ ᠠᠷᠭ᠎ᠠ ᠬᠡᠯᠪᠡᠷᠢ ᠶᠢ ᠬᠤᠪᠢᠷᠠᠭᠤᠯᠤᠨ᠎ᠠ᠃ ᠶᠠᠰᠤ ᠴᠢᠨᠠᠷ ᠤᠨ ᠬᠠᠮᠢᠶᠠᠷᠤᠯᠲᠠ ᠶᠢᠨ ᠪᠠᠷᠢᠮᠵᠢᠶ᠎ᠠ ᠪᠣᠯᠣᠨ | ᠶᠠᠰᠤ ᠴᠢᠨᠠᠷ ᠤᠨ ᠭᠡᠷᠡᠴᠢᠯᠡᠭᠡ ᠶᠢᠨ ᠠᠷᠭ᠎ᠠ ᠪᠠᠷᠢᠯ ᠢ ᠳᠡᠯᠭᠡᠷᠡᠭᠦᠯᠦᠨ᠂ ᠶᠠᠰᠤ ᠴᠢᠨᠠᠷ ᠢ ᠵᠠᠰᠠᠬᠤ ᠴᠢᠳᠠᠪᠤᠷᠢ ᠶᠢ ᠨᠢ ᠴᠢᠩᠭᠠᠳᠬᠠᠨ᠎ᠠ᠃ ᠡᠯ᠎ᠡ ᠱᠠᠲᠤᠨ ᠤ ᠵᠠᠰᠠᠭ ᠤᠨ | ᠣᠷᠳᠣᠨ ᠣᠨᠴᠠᠭᠠᠶᠢᠯᠠᠨ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠵᠣᠷᠢᠬᠵᠢᠭᠤᠯᠵᠤ ᠪᠠᠶᠢᠭᠠᠳ ᠶᠠᠰᠤ ᠴᠢᠨᠠᠷ ᠤᠨ ᠬᠠᠮᠢᠶᠠᠷᠤᠯᠲᠠ ᠶᠢᠨ | ᠰᠢᠰᠲ᠋ᠧᠮᠵᠢ ᠶᠢ ᠪᠠᠶᠢᠭᠤᠯᠤᠨ ᠬᠡᠷᠡᠭᠵᠢᠭᠦᠯᠵᠦ᠂ ᠭᠠᠷᠮᠠᠭᠠᠢ ᠠᠮᠵᠢᠯᠲᠠ ᠪᠦᠲᠦᠮᠵᠢ ᠵᠡᠷᠭᠡ ᠶᠠᠰᠤ ᠴᠢᠨᠠᠷ ᠤᠨ ᠲᠡᠷᠢᠭᠦᠨ ᠤ ᠬᠠᠮᠢᠶᠠᠷᠤᠯᠲᠠ ᠶᠢᠨ ᠠᠷᠭ᠎ᠠ ᠶᠢ ᠬᠡᠷᠡᠭᠯᠡᠨ᠂ | ᠭᠤᠷᠪᠠᠳᠠᠬᠢ ᠡᠲᠡᠭᠡᠳ ᠢᠶᠠᠷ ᠶᠠᠰᠤ ᠴᠢᠨᠠᠷ ᠢ ᠵᠠᠰᠠᠭᠤᠯᠬᠤ ᠲᠣᠭᠲᠠᠴᠠ ᠶᠢ ᠣᠷᠣᠭᠤᠯᠤᠨ ᠠᠪᠴᠢᠷᠠᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠ | ᠬᠠᠮᠢᠶᠠᠷᠤᠯᠲᠠ ᠶᠢᠨ ᠠᠷᠭ᠎ᠠ ᠬᠡᠯᠪᠡᠷᠢ ᠶᠢ ᠬᠤᠪᠢᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 3. ᠶᠠᠰᠤ ᠴᠢᠨᠠᠷ ᠤᠨ ᠭᠡᠷᠡᠴᠢᠯᠡᠭᠡ ᠶᠢᠨ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠲᠣᠮᠣ ᠳ᠋ᠠᠶᠢᠲ᠋ᠠ ᠶᠢᠨ ᠮᠡᠷᠭᠡᠵᠢᠯ ᠪᠣᠯᠣᠨ | ᠮᠡᠳᠡᠭᠡ ᠵᠠᠩᠭᠢ ᠶᠢᠨ ᠬᠠᠮᠲᠤ ᠳᠤ ᠪᠠᠨ ᠬᠦᠷᠲᠡᠬᠦ ᠲᠠᠪᠴᠠᠩ ᠢ ᠭᠦᠢᠴᠡᠳ ᠠᠰᠢᠭᠯᠠᠨ᠂ ︽ᠢᠨᠲ᠋ᠧᠷ ᠰᠦᠯᠵᠢᠶ᠎ᠡ + ᠶᠠᠰᠤ ᠴᠢᠨᠠᠷ ᠤᠨ ᠭᠡᠷᠡᠴᠢᠯᠡᠭᠡ ᠶᠢᠨ ᠬᠢᠨᠠᠯᠲᠠ | ᠬᠠᠮᠢᠶᠠᠷᠤᠯᠲᠠ︾ ᠶᠢᠨ ᠵᠠᠭᠪᠤᠷ ᠢ ᠬᠡᠷᠡᠭᠵᠢᠭᠦᠯᠵᠦ᠂ ᠭᠡᠷᠡᠴᠢᠯᠡᠭᠡ ᠶᠢᠨ ᠠᠵᠢᠯᠯᠠᠭ᠎ᠠ ᠬᠢᠭᠡᠳ ᠦᠷ᠎ᠡ ᠳ᠋ᠦᠩ ᠤᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠶᠠᠰᠤ | ᠴᠢᠨᠠᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠣᠮᠣ ᠳ᠋ᠠᠶᠢᠲ᠋ᠠ ᠶᠢᠨ ᠲᠥᠪ ᠪᠣᠯᠣᠨ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ | ᠠᠯᠪᠠᠨ ᠵᠠᠷᠯᠠᠯ ᠤᠨ ᠰᠢᠰᠲ᠋ᠧᠮ ︵ᠥᠪᠥᠷ ᠮᠣᠩᠭᠤᠯ︶ ᠳᠤ ᠣᠷᠣᠭᠤᠯᠤᠨ᠎ᠠ᠃ ᠭᠡᠷᠡᠴᠢᠯᠡᠭᠡ ᠶᠢᠨ ᠪᠠᠶᠢᠭᠤᠯᠤᠮᠵᠢ ᠪᠣᠯᠣᠨ ᠭᠡᠷᠡᠴᠢᠯᠡᠭᠡ ᠣᠯᠣᠭᠰᠠᠨ ᠵᠣᠬᠢᠶᠠᠨ | ᠪᠠᠶᠢᠭᠤᠯᠤᠯᠲᠠ ᠶᠢ ᠮᠡᠳᠡᠭᠡ ᠵᠠᠩᠭᠢᠵᠢᠭᠤᠯᠤᠭᠰᠠᠨ ᠬᠠᠮᠢᠶᠠᠷᠤᠯᠲᠠ ᠳᠤ ᠣᠷᠣᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠲᠣᠮᠣ ᠳ᠋ᠠᠶᠢᠲ᠋ᠠ ᠶᠢᠨ ᠬᠦᠭᠵᠢᠬᠦᠯᠦᠯᠳᠡ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠶᠠᠰᠤ | ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠠᠵᠤ ᠠᠬᠤᠢ ᠪᠠ ᠮᠡᠳᠡᠭᠡ ᠵᠠᠩᠭᠢᠴᠢᠯᠠᠯᠲᠠ ᠶᠢᠨ ᠵᠥᠪᠯᠡᠯ ᠵᠡᠷᠭᠡ ᠰᠠᠯᠠᠭ᠎ᠠ ᠮᠥᠴᠢᠷ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠶᠠᠷ︶ ᠶᠠᠰᠤ ᠴᠢᠨᠠᠷ ᠤᠨ ᠬᠠᠮᠢᠶᠠᠷᠤᠯᠲᠠ ᠶᠢᠨ ᠲᠡᠷᠢᠭᠦᠨ ᠤ ᠪᠠᠷᠢᠮᠵᠢᠶ᠎ᠠ ᠪᠣᠯᠣᠨ ᠠᠷᠭ᠎ᠠ ᠶᠢ ᠳᠡᠯᠭᠡᠷᠡᠭᠦᠯᠦᠨ ᠬᠡᠷᠡᠭᠯᠡᠨ᠎ᠡ᠃ | 4. ︽ᠲᠦᠮᠡ ᠮᠢᠩᠭ᠎ᠠ ᠵᠠᠭᠤ︾ ᠶᠢᠨ ᠠᠵᠤ ᠠᠬᠤᠶᠢᠯᠠᠯ ᠤᠨ ᠠᠵᠢᠯᠯᠠᠭᠠᠨ ᠤ ᠲᠥᠯᠥᠪᠯᠡᠭᠡ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ 10000 ᠠᠵᠤ | ᠠᠬᠤᠶᠢᠯᠠᠯ ᠢ ᠳᠠᠶᠢᠴᠢᠯᠠᠨ ᠶᠠᠰᠤ ᠴᠢᠨᠠᠷ ᠤᠨ ᠲᠡᠷᠢᠭᠦᠨ ᠤ ᠬᠠᠮᠢᠶᠠᠷᠤᠯᠲᠠ ᠶᠢᠨ ᠠᠷᠭ᠎ᠠ ᠶᠢ ᠰᠤᠷᠤᠯᠴᠠᠨ ᠬᠡᠷᠡᠭᠯᠡᠭᠦᠯᠵᠦ᠂ 5000 ᠠᠵᠤ ᠠᠬᠤᠶᠢᠯᠠᠯ ᠢ ᠵᠣᠷᠢᠬᠵᠢᠭᠤᠯᠵᠤ | ᠪᠠᠶᠢᠭᠠᠳ ᠶᠠᠰᠤ ᠴᠢᠨᠠᠷ ᠤᠨ ᠭᠡᠷᠡᠴᠢᠯᠡᠭᠡ ᠶᠢᠨ ᠠᠷᠭ᠎ᠠ ᠬᠡᠯᠪᠡᠷᠢ ᠶᠢ ᠬᠡᠷᠡᠭᠯᠡᠨ ᠶᠠᠰᠤ ᠴᠢᠨᠠᠷ ᠤᠨ ᠬᠠᠮᠢᠶᠠᠷᠤᠯᠲᠠ ᠶᠢ ᠨᠢ ᠴᠢᠩᠭᠠᠳᠬᠠᠨ᠂ ᠤᠯᠤᠰ ᠤᠨ ᠦᠮᠴᠢᠯᠡᠯᠲᠥ | ᠭᠤᠣᠯᠳᠠᠯᠭ᠎ᠠ ᠲᠠᠢ 100 ᠠᠵᠤ ᠠᠬᠤᠶᠢᠯᠠᠯ ᠤᠨ ᠬᠢᠨ ᠤ ᠶᠠᠰᠤ ᠴᠢᠨᠠᠷ ᠤᠨ ᠬᠠᠮᠢᠶᠠᠷᠤᠯᠲᠠ ᠶᠢᠨ ︽ᠳᠠᠭᠠᠭᠤᠯᠤᠭᠴᠢ︾ ᠶᠢᠨ ᠠᠵᠢᠯᠯᠠᠭᠠᠨ ᠦᠷᠨᠢᠭᠦᠯᠬᠦ ᠶᠢ ᠠᠬᠢᠭᠤᠯᠵᠤ | ᠂ ᠡᠯ᠎ᠡ ᠠᠵᠢᠯ ᠲᠥᠷᠥᠯ ᠤᠨ ᠬᠢᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠬᠢᠷᠢ ᠲᠦᠪᠰᠢᠨ ᠤ ᠨᠡᠶᠢᠳᠡᠮ ᠳᠤ ᠪᠠᠨ ᠳᠡᠭᠡᠭᠰᠢᠯᠡᠬᠦ ᠶᠢ ᠠᠬᠢᠭᠤᠯᠤᠨ᠎ᠠ᠃ ᠶᠠᠰᠤ ᠴᠢᠨᠠᠷ ᠤᠨ | ᠬᠠᠮᠢᠶᠠᠷᠤᠯᠲᠠ ᠶᠢᠨ ᠲᠡᠷᠢᠭᠦᠨ ᠤ ᠪᠠᠷᠢᠮᠵᠢᠶ᠎ᠠ ᠪᠣᠯᠣᠨ ᠠᠷᠭ᠎ᠠ ᠶᠢ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠪᠣᠯᠣᠨ ᠨᠡᠶᠢᠭᠡᠮ ᠤᠨ ᠵᠠᠰᠠᠯᠲᠠ ᠵᠡᠷᠭᠡ | ᠬᠦᠷᠢᠶᠡᠨ ᠲᠡᠶᠢᠰᠢ ᠪᠥᠬᠦ ᠲᠠᠯ᠎ᠠ ᠪᠠᠷ ᠤᠷᠲᠤᠳᠬᠠᠬᠤ ᠶᠢ ᠢᠳᠡᠪᠬᠢᠲᠡᠢ ᠠᠬᠢᠭᠤᠯᠤᠨ᠂ ᠶᠠᠰᠤ ᠴᠢᠨᠠᠷ ᠤᠨ ᠬᠠᠮᠢᠶᠠᠷᠤᠯᠲᠠ ᠶᠢᠨ ᠰᠢᠨ᠎ᠡ ᠬᠡᠯᠪᠡᠷᠢᠲᠦ ᠪᠠᠭᠠᠵᠢ ᠶᠢ | ᠢᠳᠡᠪᠬᠢᠲᠡᠢ ᠨᠡᠭᠡᠭᠡᠨ ᠬᠥᠭᠵᠢᠭᠦᠯᠵᠦ᠂ ᠶᠠᠰᠤ ᠴᠢᠨᠠᠷ ᠤᠨ ᠬᠠᠮᠢᠶᠠᠷᠤᠯᠲᠠ ᠶᠢᠨ ᠲᠡᠷᠢᠭᠦᠨ ᠤ ᠦᠷ᠎ᠡ ᠪᠦᠲᠦᠭᠡᠯ ᠪᠣᠯᠣᠨ ᠲᠤᠷᠰᠢᠯᠭ᠎ᠠ ᠶᠢ ᠳᠡᠯᠭᠡᠷᠡᠭᠦᠯᠦᠨ᠎ᠡ᠃ ᠠᠵᠤ | ᠠᠬᠤᠶᠢᠯᠠᠯ ᠢ ᠵᠣᠷᠢᠬᠵᠢᠭᠤᠯᠵᠤ ᠪᠠᠶᠢᠭᠠᠳ ᠶᠠᠰᠤ ᠴᠢᠨᠠᠷ ᠤᠨ ᠪᠦᠬᠦ ᠲᠠᠯ᠎ᠠ ᠶᠢᠨ ᠬᠠᠮᠢᠶᠠᠷᠤᠯᠲᠠ᠂ ᠵᠢᠷᠭᠤᠭᠠᠨ ᠰᠢᠭᠮᠡ ᠬᠠᠮᠢᠶᠠᠷᠤᠯᠲᠠ᠂ ᠨᠠᠷᠢᠨ ᠨᠢᠭᠲᠠ ᠬᠠᠮᠢᠶᠠᠷᠤᠯᠲᠠ | ᠵᠡᠷᠭᠡ ᠣᠯᠠᠨ ᠤᠯᠤᠰ ᠤᠨ ᠶᠠᠰᠤ ᠴᠢᠨᠠᠷ ᠤᠨ ᠲᠡᠷᠢᠭᠦᠨ ᠤ ᠬᠠᠮᠢᠶᠠᠷᠤᠯᠲᠠ ᠶᠢᠨ ᠠᠷᠭ᠎ᠠ ᠶᠢ ᠪᠣᠳᠠᠲᠠᠢ ᠲᠠᠢ ᠪᠠᠨ ᠤᠶᠠᠯᠳᠤᠭᠤᠯᠵᠤ ᠴᠢᠩᠭᠠᠳᠬᠠᠨ᠂ ᠤᠬᠤᠴᠢᠯᠠᠵᠤ | ᠮᠥᠷᠳᠡᠬᠦ ᠬᠠᠮᠢᠶᠠᠷᠤᠯᠲᠠ᠂ ᠬᠠᠩᠭᠠᠯᠭ᠎ᠠ ᠶᠢᠨ ᠬᠡᠯᠬᠢᠶᠡᠨ ᠤ ᠬᠠᠮᠢᠶᠠᠷᠤᠯᠲᠠ᠂ ᠲᠤᠬᠠᠶᠢᠯᠠᠭᠰᠠᠨ ᠠᠵᠢᠯ ᠤᠨ ᠦᠷᠬᠦᠯᠵᠢᠯᠡᠯᠲᠦ ᠴᠢᠨᠠᠷᠲᠠᠢ ᠬᠠᠮᠢᠶᠠᠷᠤᠯᠲᠠ ᠵᠡᠷᠭᠡ ᠠᠵᠢᠯ | ᠲᠥᠷᠥᠯ ᠤᠨ ᠰᠢᠨ᠎ᠡ ᠪᠠᠶᠢᠳᠠᠯ ᠳᠤ ᠲᠣᠬᠢᠷᠠᠬᠤ ᠶᠠᠰᠤ ᠴᠢᠨᠠᠷ ᠤᠨ ᠬᠠᠮᠢᠶᠠᠷᠤᠯᠲᠠ ᠶᠢᠨ ᠪᠠᠭᠠᠵᠢ ᠬᠡᠷᠡᠭᠯᠡᠬᠦ ᠶᠢ ᠢᠳᠡᠪᠬᠢᠲᠡᠢ ᠰᠤᠳᠤᠯᠵᠤ᠂ ᠠᠵᠢᠯ ᠲᠥᠷᠥᠯ ᠤᠨ | ᠣᠨᠴᠠᠯᠢᠭ ᠲᠤ ᠨᠡᠶᠢᠴᠡᠭᠰᠡᠨ ᠶᠠᠰᠤ ᠴᠢᠨᠠᠷ ᠤᠨ ᠬᠠᠮᠢᠶᠠᠷᠤᠯᠲᠠ ᠶᠢᠨ ᠰᠢᠨ᠎ᠡ ᠠᠷᠭ᠎ᠠ ᠶᠢ ᠨᠡᠭᠡᠭᠡᠨ ᠬᠥᠭᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠠᠵᠤ ᠠᠬᠤᠢ | ᠪᠠ ᠮᠡᠳᠡᠭᠡ ᠵᠠᠩᠭᠢᠴᠢᠯᠠᠯᠲᠠ ᠶᠢᠨ ᠵᠥᠪᠯᠡᠯ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠶᠠᠰᠤ ᠴᠢᠨᠠᠷ ᠲᠤ | ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠵᠢᠭᠤᠯᠴᠢᠯᠠᠯ ᠤᠨ ᠬᠥᠭᠵᠢᠭᠦᠯᠦᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ | ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠬᠡᠬᠤᠲᠠ ᠪᠣᠭᠤᠮᠲᠠ ᠵᠡᠷᠭᠡ | ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 5. ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠭᠡᠷᠡᠴᠢᠯᠡᠭᠡ ᠶᠢᠨ | ᠪᠠᠶᠢᠭᠤᠯᠤᠮᠵᠢ ᠲᠠᠢ ᠬᠤᠯᠪᠣᠭᠠᠯᠠᠨ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠪᠠᠶᠢᠴᠠᠭᠠᠨ ᠰᠤᠳᠤᠯᠬᠤ ᠠᠵᠢᠯᠯᠠᠭ᠎ᠠ ᠥᠷᠨᠢᠭᠦᠯᠵᠦ᠂ ᠠᠵᠢᠯ ᠲᠥᠷᠥᠯ ᠪᠣᠯᠣᠨ ᠱᠠᠲᠤ | ᠳᠡᠰ ᠬᠤᠪᠢᠶᠠᠨ ᠶᠠᠰᠤ ᠴᠢᠨᠠᠷ ᠤᠨ ᠭᠡᠷᠡᠴᠢᠯᠡᠭᠡ ᠪᠠᠷ ᠶᠠᠳᠠᠭᠤ ᠶᠢ ᠳᠡᠳᠬᠦᠬᠦ ᠪᠠ ᠰᠦᠢᠳᠬᠡᠯ ᠬᠤᠷᠢᠶᠠᠬᠤ ᠦᠭᠡᠢ ᠪᠤᠯᠪᠠᠰᠤᠷᠠᠭᠤᠯᠤᠯ ᠬᠢᠬᠦ ᠶᠢ ᠥᠷᠨᠢᠭᠦᠯᠦᠨ᠂ ᠶᠠᠰᠤ | ᠴᠢᠨᠠᠷ ᠤᠨ ᠬᠠᠮᠢᠶᠠᠷᠤᠯᠲᠠ ᠶᠢᠨ ᠮᠡᠳᠡᠯᠭᠡ ᠶᠢ ᠲᠦᠭᠡᠮᠡᠯᠵᠢᠭᠦᠯᠵᠦ᠂ ᠶᠠᠰᠤ ᠴᠢᠨᠠᠷ ᠤᠨ ᠠᠵᠢᠯ ᠳᠤ ᠲᠤᠰᠠᠯᠠᠬᠤ ᠲᠥᠰᠥᠯ ᠬᠠᠩᠭᠠᠨ᠂ ᠶᠠᠰᠤ ᠴᠢᠨᠠᠷ ᠤᠨ | ᠳᠡᠭᠡᠭᠰᠢᠯᠡᠯᠲᠡ ᠳᠤ ᠳᠤᠲᠠᠭᠤᠳᠠᠵᠤ ᠪᠠᠶᠢᠭ᠎ᠠ ᠵᠦᠢᠯ ᠢ ᠨᠢ ᠨᠥᠬᠦᠪᠦᠷᠢᠯᠡᠵᠦ᠂ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢᠨ ᠭᠡᠷᠡᠴᠢᠯᠡᠭᠡ ᠶᠢᠨ ᠪᠠᠷᠯᠠᠯ | ᠰᠣᠯᠢᠵᠤ ᠳᠡᠰ ᠳᠡᠪᠰᠢᠭᠦᠯᠬᠦ ᠪᠠᠷ ᠳᠠᠮᠵᠢᠭᠤᠯᠤᠨ ᠠᠵᠤ ᠠᠬᠤᠶᠢᠯᠠᠯ ᠤᠨ ᠶᠠᠰᠤ ᠴᠢᠨᠠᠷ ᠤᠨ ᠬᠠᠮᠢᠶᠠᠷᠤᠯᠲᠠ ᠪᠠᠨ ᠪᠥᠬᠦ ᠲᠠᠯ᠎ᠠ ᠪᠠᠷ ᠳᠡᠰ ᠳᠡᠪᠰᠢᠭᠦᠯᠬᠦ ᠶᠢ ᠨᠢ | ᠳᠠᠶᠢᠴᠢᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠪᠠ ᠮᠡᠳᠡᠭᠡ ᠵᠠᠩᠭᠢᠴᠢᠯᠠᠯᠲᠠ ᠶᠢᠨ ᠵᠥᠪᠯᠡᠯ᠂ ᠵᠢᠭᠤᠯᠴᠢᠯᠠᠯ ᠤᠨ ᠬᠥᠭᠵᠢᠭᠦᠯᠦᠯᠲᠡ ᠶᠢᠨ | ᠵᠥᠪᠯᠡᠯ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠬᠡᠬᠤᠲᠠ ᠪᠣᠭᠤᠮᠲᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠷᠪᠠ︶ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠳᠤ ᠳᠡᠰ ᠳᠡᠪᠰᠢᠭᠦᠯᠬᠦ ᠠᠵᠢᠯᠯᠠᠭᠠᠨ ᠥᠷᠨᠢᠭᠦᠯᠦᠨ᠎ᠡ | 6. ᠶᠠᠰᠤ ᠴᠢᠨᠠᠷ ᠤᠨ ᠲᠡᠷᠢᠭᠦᠨ ᠤ ᠬᠠᠮᠢᠶᠠᠷᠤᠯᠲᠠ ᠶᠢᠨ ᠪᠠᠷᠢᠮᠵᠢᠶ᠎ᠠ ᠶᠢ ᠰᠤᠷᠤᠯᠴᠠᠭᠤᠯᠵᠤ ᠬᠡᠷᠡᠭᠯᠡᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠢᠯ | ᠲᠥᠷᠥᠯ ᠤᠨ ᠨᠡᠶᠢᠭᠡᠮᠯᠢᠭ᠂ ᠲᠤᠰᠬᠠᠢ ᠮᠡᠷᠭᠡᠵᠢᠯ ᠤᠨ ᠪᠠᠶᠢᠭᠤᠯᠤᠮᠵᠢ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠢᠨ ᠤ ᠦᠢᠯᠡᠴᠢᠯᠡᠬᠦ ᠡᠭᠦᠷᠭᠡ ᠴᠢᠳᠠᠪᠤᠷᠢ ᠶᠢ | ᠪᠠᠳᠠᠷᠠᠭᠤᠯᠤᠨ᠂ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠪᠠᠶᠢᠭᠠᠳ ᠶᠠᠰᠤ ᠴᠢᠨᠠᠷ ᠤᠨ ᠲᠡᠷᠢᠭᠦᠨ ᠤ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠷᠢᠮᠵᠢᠶ᠎ᠠ ᠶᠢ | ᠰᠤᠷᠤᠯᠴᠠᠭᠤᠯᠵᠤ ᠬᠡᠷᠡᠭᠯᠡᠭᠦᠯᠦᠨ᠎ᠡ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠢᠶᠠᠷ ᠴᠢᠬᠤᠯᠠ ᠠᠴᠢᠶᠠᠯᠠᠪᠤᠷᠢ | ᠪᠣᠯᠭᠠᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠢᠶᠠᠷ ᠭᠤᠣᠯᠳᠠᠯᠭ᠎ᠠ ᠲᠠᠢ ᠪᠠᠷ ᠦᠢᠯᠡᠴᠢᠯᠡᠭᠦᠯᠬᠦ ᠡᠲᠡᠭᠡᠳ ᠪᠣᠯᠭᠠᠵᠤ᠂ ᠲᠤᠰᠬᠠᠢ ᠰᠡᠳᠦᠪᠲᠦ ᠲᠠᠶᠢᠯᠤᠮᠵᠢ᠂ | ᠰᠤᠷᠲᠠᠯᠴᠢᠯᠠᠵᠤ ᠲᠤᠭᠤᠰᠢᠯᠠᠭᠤᠯᠬᠤ ᠪᠣᠯᠪᠠᠰᠤᠷᠠᠭᠤᠯᠤᠯ᠂ ᠣᠨᠣᠰᠢᠯᠠᠨ ᠮᠠᠭᠠᠳᠯᠠᠬᠤ ᠵᠥᠪᠯᠡᠯᠭᠡ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠵᠤ ᠶᠠᠰᠤ | ᠴᠢᠨᠠᠷ ᠤᠨ ᠲᠡᠷᠢᠭᠦᠨ ᠤ ᠬᠠᠮᠢᠶᠠᠷᠤᠯᠲᠠ ᠶᠢᠨ ᠠᠷᠭ᠎ᠠ ᠪᠣᠯᠣᠨ ᠶᠠᠰᠤ ᠴᠢᠨᠠᠷ ᠤᠨ ᠭᠡᠷᠡᠴᠢᠯᠡᠭᠡ ᠶᠢᠨ ᠮᠡᠳᠡᠯᠭᠡ ᠶᠢ ᠲᠦᠭᠡᠮᠡᠯᠵᠢᠭᠦᠯᠬᠦ ᠪᠠ ᠳᠡᠯᠭᠡᠷᠡᠭᠦᠯᠦᠨ᠎ᠡ᠃ ︵ | ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠪᠠ ᠮᠡᠳᠡᠭᠡ | ᠵᠠᠩᠭᠢᠴᠢᠯᠠᠯᠲᠠ ᠶᠢᠨ ᠵᠥᠪᠯᠡᠯ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠵᠢᠭᠤᠯᠴᠢᠯᠠᠯ ᠤᠨ | ᠬᠥᠭᠵᠢᠭᠦᠯᠦᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠢᠩᠬᠢᠮ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠬᠡᠬᠤᠲᠠ ᠪᠣᠭᠤᠮᠲᠠ ᠵᠡᠷᠭᠡ ᠰᠠᠯᠠᠭ᠎ᠠ ᠮᠥᠴᠢᠷ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ 365赢多少钱会被限额_国内有真正的365平台吗_365bet博彩官网 | 7. ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢᠨ ᠭᠡᠷᠡᠴᠢᠯᠡᠭᠡ ᠶᠢᠨ ᠳᠡᠰ ᠳᠡᠪᠰᠢᠭᠰᠡᠨ ᠪᠠᠷᠯᠠᠯ ᠢ ᠪᠣᠢ ᠪᠣᠯᠭᠠᠨ᠎ᠠ᠃ ᠰᠢᠨ᠎ᠡ ᠪᠠᠷᠯᠠᠯ ᠤᠨ | ISO9001 ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠵᠡᠷᠭᠡ ᠣᠯᠠᠨ ᠤᠯᠤᠰ ᠤᠨ ᠲᠡᠷᠢᠭᠦᠨ ᠤ ᠪᠠᠷᠢᠮᠵᠢᠶ᠎ᠠ᠂ ᠠᠷᠭ᠎ᠠ ᠶᠢ ᠬᠡᠷᠡᠭᠯᠡᠨ ᠭᠡᠷᠡᠴᠢᠯᠡᠭᠡ ᠶᠢᠨ | ᠱᠠᠭᠠᠷᠳᠠᠯᠭ᠎ᠠ ᠶᠢ ᠳᠡᠭᠡᠭᠰᠢᠯᠡᠭᠦᠯᠵᠦ᠂ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ ᠵᠡᠷᠭᠡ ᠰᠢᠨ᠎ᠡ ᠮᠡᠷᠭᠡᠵᠢᠯ ᠢᠶᠠᠷ ᠤᠯᠠᠮᠵᠢᠯᠠᠯᠲᠤ ᠭᠡᠷᠡᠴᠢᠯᠡᠭᠡ ᠶᠢᠨ ᠵᠠᠭᠪᠤᠷ ᠢ ᠥᠭᠡᠷᠡᠴᠢᠯᠡᠵᠦ | ᠰᠢᠨᠡᠳᠬᠡᠨ᠂ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢᠨ ᠭᠡᠷᠡᠴᠢᠯᠡᠭᠡ ᠶᠢᠨ ᠰᠢᠰᠲ᠋ᠧᠮᠵᠢᠲᠦ ᠳᠡᠰ ᠳᠡᠪᠰᠢᠯᠲᠡ ᠪᠠᠷ ᠳᠠᠮᠵᠢᠭᠤᠯᠵᠤ ᠠᠵᠤ ᠠᠬᠤᠶᠢᠯᠠᠯ ᠤᠨ | ᠶᠠᠰᠤ ᠴᠢᠨᠠᠷ ᠤᠨ ᠬᠠᠮᠢᠶᠠᠷᠤᠯᠲᠠ ᠪᠠᠨ ᠪᠥᠬᠦ ᠲᠠᠯ᠎ᠠ ᠪᠠᠷ ᠳᠡᠰ ᠳᠡᠪᠰᠢᠭᠦᠯᠬᠦ ᠶᠢ ᠨᠢ ᠳᠠᠶᠢᠴᠢᠯᠠᠨ᠎ᠠ᠃ ᠭᠤᠣᠯᠯᠠᠬᠤ ᠠᠵᠤ ᠦᠢᠯᠡᠰ ᠵᠢᠴᠢ ᠣᠳᠣ ᠦᠶ᠎ᠡ ᠶᠢᠨ | ᠦᠢᠯᠡᠴᠢᠯᠡᠭᠡᠨ ᠤ ᠦᠢᠯᠡᠰ ᠤᠨ ᠭᠤᠣᠯᠳᠠᠯᠭ᠎ᠠ ᠲᠠᠢ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠨᠢᠭᠡ ᠪᠦᠯᠦᠭ ᠥᠨᠳᠥᠷ ᠪᠦᠲᠦᠮᠵᠢᠲᠡᠢ ᠪᠦᠭᠡᠳ ᠨᠢᠭᠡ | ᠴᠣᠭᠴᠠᠵᠢᠭᠰᠠᠨ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠶᠠᠰᠤ ᠴᠢᠨᠠᠷ ᠢ ᠳᠡᠭᠡᠭᠰᠢᠯᠡᠭᠦᠯᠦᠭᠰᠡᠨ ᠬᠡᠪ ᠳᠠᠭᠤᠷᠢᠶᠠᠯ ᠢ ᠪᠣᠢ ᠪᠣᠯᠭᠠᠨ᠎ᠠ᠃ | 2022 ᠣᠨ ᠪᠣᠯᠬᠤ ᠳᠤ᠂ ᠪᠥᠬᠦ ᠣᠷᠣᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢᠨ ᠭᠡᠷᠡᠴᠢᠯᠡᠭᠡ ᠶᠢᠨ ᠠᠵᠤ ᠠᠬᠤᠶᠢᠯᠠᠯ ᠢ 7000 ᠭᠠᠷᠤᠢ | ᠪᠣᠯᠭᠠᠬᠤ ᠪᠠᠷ ᠴᠢᠷᠮᠠᠶᠢᠨ᠎ᠠ᠃ ︵ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠪᠠ ᠮᠡᠳᠡᠭᠡ ᠵᠠᠩᠭᠢᠴᠢᠯᠠᠯᠲᠠ ᠶᠢᠨ ᠵᠥᠪᠯᠡᠯ᠂ ᠶᠠᠰᠤ ᠴᠢᠨᠠᠷ ᠲᠤ ᠮᠡᠷᠭᠡᠵᠢᠯ ᠤᠨ | ᠬᠢᠨᠠᠯᠲᠠ ᠲᠠᠯᠪᠢᠬᠤ ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠵᠢᠭᠤᠯᠴᠢᠯᠠᠯ ᠤᠨ | ᠬᠥᠭᠵᠢᠭᠦᠯᠦᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠬᠤᠳᠠᠯᠳᠤᠭᠠᠨ ᠤ | ᠶᠠᠪᠤᠳᠠᠯ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ | ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠬᠡᠬᠤᠲᠠ ᠪᠣᠭᠤᠮᠲᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 8. ᠶᠠᠰᠤ ᠴᠢᠨᠠᠷ ᠤᠨ ᠭᠡᠷᠡᠴᠢᠯᠡᠭᠡ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠭᠡᠷᠡᠴᠢᠯᠡᠭᠡ ᠶᠢᠨ ᠪᠠᠶᠢᠭᠤᠯᠤᠮᠵᠢ ᠶᠢ ᠳᠡᠮᠵᠢᠵᠦ ᠪᠠᠶᠢᠭᠠᠳ ᠴᠢᠭᠯᠡᠯᠲᠦ ᠴᠢᠨᠠᠷ | ᠪᠦᠬᠦᠢ ᠥᠷᠲᠡᠭ ᠨᠡᠮᠡᠭᠳᠡᠯ ᠲᠠᠢ ᠦᠢᠯᠡᠴᠢᠯᠡᠭᠡ᠂ ᠭᠦᠨᠵᠡᠭᠡᠢ ᠦᠢᠯᠡᠴᠢᠯᠡᠭᠡ ᠶᠢ ᠥᠷᠨᠢᠭᠦᠯᠦᠨ᠂ ᠰᠢᠨ᠎ᠡ ᠬᠡᠯᠪᠡᠷᠢ ᠪᠦᠬᠦᠢ ᠬᠠᠮᠢᠶᠠᠷᠤᠯᠲᠠ ᠶᠢᠨ ᠰᠢᠰᠲ᠋ᠧᠮᠵᠢ ᠶᠢᠨ | ᠭᠡᠷᠡᠴᠢᠯᠡᠭᠡ ᠶᠢ ᠠᠬᠢᠭᠤᠯᠤᠨ᠎ᠠ᠃ ᠡᠷᠡᠭᠦᠯ ᠴᠢᠭᠢᠷᠠᠭ᠂ ᠰᠤᠷᠭᠠᠨ ᠬᠥᠮᠥᠵᠢᠯ᠂ ᠮᠥᠩᠭᠦᠨ ᠭᠦᠢᠯᠭᠡᠭᠡᠨ ᠵᠡᠷᠭᠡ ᠬᠦᠷᠢᠶᠡᠨ ᠳᠠᠬᠢ ᠦᠢᠯᠡᠴᠢᠯᠡᠬᠦ ᠭᠡᠷᠡᠴᠢᠯᠡᠭᠡ ᠶᠢ ᠬᠦᠴᠦᠲᠡᠢ | ᠠᠬᠢᠭᠤᠯᠤᠨ᠎ᠠ᠃ ᠴᠡᠷᠢᠭ ᠪᠠ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠠᠵᠤ ᠦᠢᠯᠡᠰ ᠤᠨ ᠬᠥᠭᠵᠢᠯᠲᠡ ᠳᠤ ᠦᠢᠯᠡᠴᠢᠯᠡᠬᠦ ᠨᠡᠶᠢᠳᠡᠮ ᠬᠡᠷᠡᠭᠯᠡᠭᠡᠨ ᠤ ᠪᠠᠶᠢᠴᠠᠭᠠᠨ | ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠰᠢᠰᠲ᠋ᠧᠮᠵᠢ ᠪᠠᠶᠢᠭᠤᠯᠬᠤ ᠶᠢ ᠵᠣᠷᠢᠬᠵᠢᠭᠤᠯᠤᠨ᠂ ᠡᠯ᠎ᠡ ᠲᠥᠷᠥᠯ ᠤᠨ ᠠᠵᠤ ᠠᠬᠤᠶᠢᠯᠠᠯ ᠣᠨᠴᠠᠭᠠᠶᠢᠯᠠᠨ ᠦᠢᠯᠡᠴᠢᠯᠡᠬᠦ | ᠬᠡᠯᠪᠡᠷᠢᠲᠦ ᠠᠵᠤ ᠠᠬᠤᠶᠢᠯᠠᠯ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠰᠠᠶᠢᠨ ᠳᠤᠷ᠎ᠠ ᠠᠴᠠ ᠪᠠᠨ ᠭᠡᠷᠡᠴᠢᠯᠡᠭᠦᠯᠬᠦ ᠳᠤ | ᠣᠷᠣᠯᠴᠠᠭᠤᠯᠤᠨ᠎ᠠ᠃ ᠠᠵᠤ ᠠᠬᠤᠶᠢᠯᠠᠯ ᠤᠨ ᠠᠮᠠᠯᠠᠬᠤ ᠳᠦᠷᠢᠮ ᠢ ᠬᠡᠷᠡᠭᠵᠢᠭᠦᠯᠦᠨ᠂ ᠨᠡᠶᠢᠭᠡᠮ ᠤᠨ ᠬᠢᠨ ᠤ ᠬᠢᠨᠠᠯᠲᠠ ᠲᠠᠯᠪᠢᠬᠤ ᠶᠢ ᠬᠦᠯᠢᠶᠡᠨ ᠠᠪᠴᠤ᠂ | ᠭᠡᠷᠡᠴᠢᠯᠡᠭᠡ ᠪᠠᠷ ᠳᠠᠮᠵᠢᠵᠤ ᠦᠢᠯᠡᠳᠬᠦᠨ ᠤ ᠶᠠᠰᠤ ᠴᠢᠨᠠᠷ ᠪᠣᠯᠣᠨ ᠠᠵᠤ ᠠᠬᠤᠶᠢᠯᠠᠯ ᠤᠨ ᠢᠲᠡᠭᠡᠯ ᠬᠦᠨᠳᠦ ᠶᠢ ᠳᠡᠭᠡᠭᠰᠢᠯᠡᠭᠦᠯᠦᠨ᠂ ᠵᠠᠬ᠎ᠠ ᠳᠡᠯᠭᠡᠭᠦᠷ ᠤᠨ ᠬᠤᠳᠠᠯᠳᠤᠨ | ᠠᠪᠬᠤ᠂ ᠠᠵᠢᠯ ᠲᠥᠷᠥᠯ ᠤᠨ ᠬᠠᠮᠢᠶᠠᠷᠤᠯᠲᠠ᠂ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ᠂ ᠨᠡᠶᠢᠭᠡᠮ ᠤᠨ ᠵᠠᠰᠠᠯᠲᠠ ᠵᠡᠷᠭᠡ ᠬᠦᠷᠢᠶᠡᠨ ᠳᠤ ᠭᠡᠷᠡᠴᠢᠯᠡᠭᠡ ᠶᠢᠨ ᠦᠷ᠎ᠡ | ᠳ᠋ᠦᠩ ᠢ ᠥᠷᠭᠡᠨ ᠢᠶᠠᠷ ᠦᠨᠡᠮᠰᠢᠨ ᠬᠡᠷᠡᠭᠯᠡᠬᠦ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ | ᠠᠬᠤᠢ ᠪᠠ ᠮᠡᠳᠡᠭᠡ ᠵᠠᠩᠭᠢᠴᠢᠯᠠᠯᠲᠠ ᠶᠢᠨ ᠵᠥᠪᠯᠡᠯ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ | ᠣᠷᠣᠨ ᠤ ᠵᠢᠭᠤᠯᠴᠢᠯᠠᠯ ᠤᠨ ᠬᠥᠭᠵᠢᠭᠦᠯᠦᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠶᠢᠨ | ᠲᠢᠩᠬᠢᠮ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠤᠷᠭᠠᠨ ᠬᠥᠮᠥᠵᠢᠯ ᠤᠨ | ᠲᠢᠩᠬᠢᠮ᠂ ᠬᠥᠬᠡᠬᠤᠲᠠ ᠪᠣᠭᠤᠮᠲᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠳᠥᠷᠪᠡ︶ ᠶᠠᠰᠤ ᠴᠢᠨᠠᠷ ᠤᠨ ᠭᠡᠷᠡᠴᠢᠯᠡᠭᠡ ᠶᠢᠨ ᠳᠦᠷᠢᠮ ᠳᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠦᠨ᠎ᠡ | 9. ᠠᠯᠪᠠᠳᠠᠯᠭ᠎ᠠ ᠶᠢᠨ ᠴᠢᠨᠠᠷᠲᠠᠢ ᠭᠡᠷᠡᠴᠢᠯᠡᠭᠡ ᠶᠢᠨ ᠳᠦᠷᠢᠮ ᠢ ᠨᠠᠶᠢᠳᠠᠪᠤᠷᠢᠵᠢᠭᠤᠯᠤᠨ᠎ᠠ᠃ ᠠᠯᠪᠠᠳᠠᠯᠭ᠎ᠠ ᠶᠢᠨ ᠴᠢᠨᠠᠷᠲᠠᠢ ᠭᠡᠷᠡᠴᠢᠯᠡᠭᠡ ᠶᠢᠨ ︽ᠰᠠᠭᠤᠷᠢ ᠶᠢ ᠨᠢ | ᠪᠠᠲᠤᠯᠠᠬᠤ ᠱᠤᠭᠤᠮ︾ ᠤᠨ ᠦᠢᠯᠡᠳᠦᠯ ᠢ ᠪᠠᠳᠠᠷᠠᠭᠤᠯᠤᠨ᠂ ᠴᠢᠬᠤᠯᠠ ᠪᠦᠬᠦᠢ ᠴᠢᠨᠠᠷ ᠪᠣᠯᠣᠨ ᠬᠠᠮᠤᠭ ᠤᠨ ᠳᠣᠣᠷ᠎ᠠ ᠪᠣᠯᠭᠠᠬᠤ ᠵᠠᠷᠴᠢᠮ ᠶᠣᠰᠣᠭᠠᠷ᠂ ᠠᠮᠤᠷ ᠲᠦᠪᠰᠢᠨ | ᠂ ᠡᠷᠡᠭᠦᠯ ᠴᠢᠭᠢᠷᠠᠭ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠠᠯ᠎ᠠ ᠲᠠᠢ ᠬᠤᠯᠪᠣᠭᠳᠠᠭᠰᠠᠨ ᠦᠢᠯᠡᠳᠬᠦᠨ ᠳᠤ ᠠᠯᠪᠠᠳᠠᠯᠭ᠎ᠠ ᠶᠢᠨ ᠴᠢᠨᠠᠷᠲᠠᠢ ᠭᠡᠷᠡᠴᠢᠯᠡᠭᠡ ᠶᠢ | ᠬᠠᠤᠯᠢ ᠶᠣᠰᠣᠭᠠᠷ ᠬᠡᠷᠡᠭᠵᠢᠭᠦᠯᠦᠨ᠎ᠡ᠃ ᠦᠢᠯᠡᠳᠬᠦᠨ ᠤ ᠠᠯᠪᠠᠳᠠᠯᠭ᠎ᠠ ᠶᠢᠨ ᠴᠢᠨᠠᠷᠲᠠᠢ ᠭᠡᠷᠡᠴᠢᠯᠡᠭᠡ ᠶᠢᠨ ᠬᠢᠨᠠᠨ ᠬᠠᠮᠢᠶᠠᠷᠬᠤ ᠲᠣᠭᠲᠠᠴᠠ ᠶᠢ ᠲᠡᠭᠦᠯᠳᠡᠷᠵᠢᠭᠦᠯᠦᠨ᠂ | ᠭᠡᠷᠡᠴᠢᠯᠡᠭᠡ ᠶᠢᠨ ᠪᠠᠶᠢᠭᠤᠯᠤᠮᠵᠢ᠂ ᠬᠢᠨᠠᠨ ᠬᠠᠮᠢᠶᠠᠷᠬᠤ ᠰᠠᠯᠠᠭ᠎ᠠ ᠮᠥᠴᠢᠷ᠂ ᠠᠵᠢᠯ ᠲᠥᠷᠥᠯ ᠤᠨ ᠨᠡᠶᠢᠭᠡᠮᠯᠢᠭ ᠬᠠᠮᠵᠢᠯᠴᠠᠨ ᠬᠠᠪᠰᠤᠷᠤᠯᠴᠠᠬᠤ ᠶᠢ ᠴᠢᠩᠭᠠᠳᠬᠠᠵᠤ᠂ | ᠣᠨᠣᠪᠴᠢᠲᠠᠢ ᠪᠠᠷ ᠠᠩᠭᠢᠯᠠᠵᠤ ᠬᠠᠮᠢᠶᠠᠷᠬᠤ ᠶᠢ ᠬᠡᠷᠡᠭᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ | ᠲᠣᠪᠴᠢᠶ᠎ᠠ᠂ ᠬᠥᠬᠡᠬᠤᠲᠠ ᠪᠣᠭᠤᠮᠲᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 10. ᠰᠠᠶᠢᠨ ᠳᠤᠷ᠎ᠠ ᠠᠴᠠ ᠪᠠᠨ ᠭᠡᠷᠡᠴᠢᠯᠡᠭᠦᠯᠬᠦ ᠶᠢ ᠠᠬᠢᠭᠤᠯᠤᠨ᠎ᠠ᠃ ᠰᠠᠶᠢᠨ ᠳᠤᠷ᠎ᠠ ᠠᠴᠠ ᠪᠠᠨ ᠭᠡᠷᠡᠴᠢᠯᠡᠭᠦᠯᠬᠦ ᠶᠢᠨ ︽ᠪᠠᠷᠢᠮᠵᠢᠶᠠᠯᠠᠬᠤ ᠱᠤᠭᠤᠮ︾ ᠤᠨ | ᠦᠢᠯᠡᠳᠦᠯ ᠢ ᠪᠠᠳᠠᠷᠠᠭᠤᠯᠤᠨ᠂ ᠰᠢᠨ᠎ᠡ ᠮᠡᠷᠭᠡᠵᠢᠯ᠂ ᠰᠢᠨ᠎ᠡ ᠦᠢᠯᠡᠳᠬᠦᠨ᠂ ᠰᠢᠨ᠎ᠡ ᠡᠵᠡᠩᠨᠡᠯᠲᠡ ᠶᠢᠨ ᠪᠠᠶᠢᠳᠠᠯ ᠳᠤ ᠬᠢᠨᠠᠭᠤᠷ ᠪᠣᠯᠭᠤᠮᠵᠢᠲᠠᠢ ᠬᠢᠨᠠᠨ ᠬᠠᠮᠢᠶᠠᠷᠬᠤ ᠶᠢ | ᠬᠡᠷᠡᠭᠵᠢᠭᠦᠯᠵᠦ᠂ ᠰᠢᠨ᠎ᠡ ᠬᠦᠷᠢᠶᠡᠨ ᠳᠠᠬᠢ ᠰᠤᠳᠤᠯᠤᠨ ᠨᠡᠭᠡᠭᠡᠬᠦ ᠭᠡᠷᠡᠴᠢᠯᠡᠭᠡ ᠶᠢᠨ ︽ᠰᠠᠭᠠᠳ ᠦᠭᠡᠢ ᠨᠡᠪᠲᠡᠷᠡᠯ︾ ᠢ ᠪᠠᠶᠢᠭᠤᠯᠤᠨ᠂ ᠰᠢᠨ᠎ᠡ ᠬᠡᠯᠪᠡᠷᠢ ᠪᠦᠬᠦᠢ ᠠᠵᠤ | ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠤᠨ᠎ᠠ᠃ ᠣᠷᠭᠠᠨᠢᠭ ᠪᠦᠭᠡᠳ ᠪᠣᠬᠢᠷᠲᠤᠯ ᠦᠭᠡᠢ ᠦᠢᠯᠡᠳᠬᠦᠨ ᠤ ᠭᠡᠷᠡᠴᠢᠯᠡᠭᠡ ᠶᠢ ᠬᠦᠴᠦᠲᠡᠢ ᠠᠬᠢᠭᠤᠯᠤᠨ᠂ | ᠬᠥᠨᠥᠭᠡᠯ ᠤᠨ ᠵᠠᠳᠠᠯᠤᠯᠲᠠ ᠬᠢᠭᠡᠳ ᠵᠠᠩᠭᠢᠯᠠᠭ᠎ᠠ ᠶᠢᠨ ᠬᠢᠵᠠᠭᠠᠷᠯᠠᠬᠤ ᠴᠡᠭ ᠤᠨ ᠰᠢᠰᠲ᠋ᠧᠮᠵᠢ ᠶᠢᠨ ᠭᠡᠷᠡᠴᠢᠯᠡᠭᠡ ᠶᠢ ᠠᠬᠢᠭᠤᠯᠵᠤ᠂ ᠬᠤᠣᠷ ᠦᠭᠡᠢ ᠲᠠᠷᠢᠶᠠᠯᠠᠩ ᠤᠨ | ᠵᠢᠷᠤᠮᠯᠠᠯ ᠤᠨ ᠭᠡᠷᠡᠴᠢᠯᠡᠭᠡ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠨ᠂ ᠤᠯᠤᠰ ᠤᠨ ᠣᠷᠭᠠᠨᠢᠭ ᠦᠢᠯᠡᠳᠬᠦᠨ ᠤ ᠭᠡᠷᠡᠴᠢᠯᠡᠭᠡ ᠶᠢᠨ ᠵᠢᠱᠢᠶ᠎ᠡ ᠦᠵᠡᠭᠦᠯᠬᠦ ᠲᠣᠭᠤᠷᠢᠭ ᠢ | ᠴᠣᠭᠴᠠᠯᠠᠨ ᠪᠠᠶᠢᠭᠤᠯᠬᠤ ᠶᠢ ᠦᠷᠭᠦᠯᠵᠢᠯᠡᠨ ᠠᠬᠢᠭᠤᠯᠤᠨ᠎ᠠ᠃ 2020 ᠣᠨ ᠪᠣᠯᠬᠤ ᠳᠤ᠂ ᠪᠣᠬᠢᠷᠲᠤᠯ ᠦᠭᠡᠢ ᠢᠳᠡᠭᠡᠨ ᠤ ᠭᠡᠷᠡᠴᠢᠯᠡᠭᠡ ᠶᠢᠨ ᠦᠨᠡᠮᠯᠡᠯ ᠣᠯᠣᠭᠰᠠᠳ ᠢ | 1000 ᠪᠣᠯᠭᠠᠵᠤ᠂ ᠣᠷᠭᠠᠨᠢᠭ ᠦᠢᠯᠡᠳᠬᠦᠨ ᠤ ᠭᠡᠷᠡᠴᠢᠯᠡᠭᠡ ᠶᠢᠨ ᠦᠨᠡᠮᠯᠡᠯ ᠣᠯᠣᠭᠰᠠᠳ ᠢ 900 ᠪᠣᠯᠭᠠᠨ᠂ ᠰᠠᠶᠢᠨ ᠲᠠᠷᠢᠶᠠᠯᠠᠩ ᠤᠨ ᠵᠢᠷᠤᠮᠵᠢᠭᠰᠠᠨ | ᠭᠡᠷᠡᠴᠢᠯᠡᠭᠡ ᠶᠢᠨ ᠦᠨᠡᠮᠯᠡᠯ ᠣᠯᠣᠭᠰᠠᠳ ᠢ 30 ᠪᠣᠯᠭᠠᠵᠤ᠂ ᠤᠯᠤᠰ ᠤᠨ ᠣᠷᠭᠠᠨᠢᠭ ᠦᠢᠯᠡᠳᠬᠦᠨ ᠤ ᠭᠡᠷᠡᠴᠢᠯᠡᠭᠡ ᠶᠢᠨ ᠵᠢᠱᠢᠶ᠎ᠡ ᠦᠵᠡᠭᠦᠯᠬᠦ ᠲᠣᠭᠤᠷᠢᠭ ᠢ 10 | ᠭᠠᠷᠤᠢ ᠨᠡᠮᠡᠵᠦ ᠪᠠᠶᠢᠭᠤᠯᠤᠨ᠂ ᠬᠥᠨᠥᠭᠡᠯ ᠤᠨ ᠵᠠᠳᠠᠯᠤᠯᠲᠠ ᠬᠢᠭᠡᠳ ᠵᠠᠩᠭᠢᠯᠠᠭ᠎ᠠ ᠶᠢᠨ ᠬᠢᠵᠠᠭᠠᠷᠯᠠᠬᠤ ᠴᠡᠭ ᠤᠨ ᠰᠢᠰᠲ᠋ᠧᠮᠵᠢ ᠶᠢᠨ ᠭᠡᠷᠡᠴᠢᠯᠡᠭᠡ ᠶᠢᠨ ᠠᠵᠤ ᠠᠬᠤᠶᠢᠯᠠᠯ ᠢ | 200 ᠭᠠᠷᠤᠢ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠲᠠᠷᠢᠶᠠᠯᠠᠩ ᠮᠠᠯ ᠠᠵᠤ | ᠠᠬᠤᠢ ᠶᠢᠨ ᠲᠢᠩᠬᠢᠮ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠠᠬᠤᠢ ᠪᠠ ᠮᠡᠳᠡᠭᠡ | ᠵᠠᠩᠭᠢᠴᠢᠯᠠᠯᠲᠠ ᠶᠢᠨ ᠵᠥᠪᠯᠡᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠬᠥᠬᠡᠬᠤᠲᠠ ᠪᠣᠭᠤᠮᠲᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 11. ︽ᠥᠪᠥᠷ ᠮᠣᠩᠭᠤᠯ ᠴᠢᠨᠠᠷ ᠴᠢᠨᠰᠠᠭ᠎ᠠ︾ ᠭᠡᠷᠡᠴᠢᠯᠡᠭᠡ ᠶᠢᠨ ᠠᠵᠢᠯᠯᠠᠭ᠎ᠠ ᠶᠢ ᠥᠷᠨᠢᠭᠦᠯᠦᠨ᠎ᠡ᠃ ᠥᠪᠥᠷ ᠮᠣᠩᠭᠤᠯ ᠤᠨ ᠣᠷᠣᠨ ᠪᠦᠰᠡ ᠶᠢᠨ | ᠣᠨᠴᠠᠯᠢᠭ ᠲᠠᠢ ᠢᠳᠡᠭᠡᠨ᠂ ᠲᠠᠷᠢᠶᠠᠯᠠᠩ ᠮᠠᠯ ᠠᠵᠤ ᠠᠬᠤᠢ ᠣᠢ ᠰᠢᠭᠤᠢ ᠤᠰᠤᠨ ᠭᠠᠷᠤᠯᠲᠠ ᠶᠢᠨ ᠣᠨᠴᠠᠯᠢᠭᠲᠤ ᠦᠢᠯᠡᠳᠬᠦᠨ᠂ ᠮᠣᠩᠭᠤᠯ ᠬᠢᠲᠠᠳ ᠡᠮ ᠤᠨ | ᠮᠠᠲ᠋ᠧᠷᠢᠶᠠᠯ ᠵᠡᠷᠭᠡ ᠨᠡᠷᠡᠲᠦ ᠰᠢᠯᠢᠳᠡᠭ ᠦᠢᠯᠡᠳᠬᠦᠨ ᠵᠢᠴᠢ ᠦᠨᠳᠦᠰᠦᠲᠡᠨ ᠤ ᠣᠨᠴᠠᠯᠢᠭ ᠢᠶᠠᠷ ᠢᠯᠡ ᠲᠣᠳᠣ ᠪᠠᠶᠢᠳᠠᠭ ᠵᠢᠭᠤᠯᠴᠢᠯᠠᠬᠤ ᠭᠠᠵᠠᠷ ︵ᠦᠵᠡᠮᠵᠢ ᠶᠢᠨ | ᠭᠠᠵᠠᠷ︶ ᠵᠡᠷᠭᠡ ᠶᠢ ᠭᠤᠣᠯᠳᠠᠯᠭ᠎ᠠ ᠲᠠᠢ ᠪᠤᠶᠢᠵᠢᠭᠤᠯᠬᠤ ᠲᠠᠯ᠎ᠠ ᠪᠣᠯᠭᠠᠵᠤ᠂ ᠤᠯᠤᠰ ᠤᠨ ᠪᠠᠷᠢᠮᠵᠢᠶ᠎ᠠ ᠪᠤᠶᠤ ᠠᠵᠢᠯ ᠲᠥᠷᠥᠯ ᠤᠨ ᠪᠠᠷᠢᠮᠵᠢᠶ᠎ᠠ ᠠᠴᠠ ᠳᠡᠭᠡᠭᠦᠷ ᠪᠠᠶᠢᠬᠤ | ᠣᠷᠣᠨ ᠨᠤᠲᠤᠭ ᠤᠨ ᠪᠠᠷᠢᠮᠵᠢᠶ᠎ᠠ᠂ ᠪᠦᠯᠬᠦᠮ ᠤᠨ ᠪᠠᠷᠢᠮᠵᠢᠶ᠎ᠠ ᠲᠣᠭᠲᠠᠭᠠᠬᠤ ᠪᠠᠷ ᠳᠡᠮᠵᠢᠨ᠂ ︽ᠥᠪᠥᠷ ᠮᠣᠩᠭᠤᠯ ᠴᠢᠨᠠᠷ ᠴᠢᠨᠰᠠᠭ᠎ᠠ︾ ᠶᠢᠨ ᠪᠠᠷᠢᠮᠵᠢᠶᠠᠨ ᠤ | ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠭᠤᠷᠪᠠᠳᠠᠬᠢ ᠡᠲᠡᠭᠡᠳ ᠤᠨ ᠭᠡᠷᠡᠴᠢᠯᠡᠭᠡ ᠶᠢᠨ ᠪᠠᠶᠢᠭᠤᠯᠤᠮᠵᠢ ᠳᠤ ᠨᠠᠶᠢᠳᠠᠵᠤ ᠭᠡᠷᠡᠴᠢᠯᠡᠭᠡ ᠶᠢᠨ ᠠᠵᠢᠯᠯᠠᠭ᠎ᠠ | ᠥᠷᠨᠢᠭᠦᠯᠬᠦ ᠶᠢ ᠰᠦᠪᠡᠭᠴᠢᠯᠡᠨ᠂ ᠥᠪᠥᠷ ᠮᠣᠩᠭᠤᠯ ᠤᠨ ᠨᠡᠷᠡᠲᠦ ᠲᠡᠮᠳᠡᠭᠲᠦ ᠶᠢ ᠪᠤᠶᠢᠵᠢᠭᠤᠯᠵᠤ᠂ ᠥᠪᠥᠷ ᠮᠣᠩᠭᠤᠯ ᠤᠨ ᠠᠵᠤ ᠠᠬᠤᠢ ᠶᠢᠨ ᠥᠷᠢᠰᠦᠯᠳᠦᠬᠦ ᠬᠦᠴᠦᠨ | ᠪᠣᠯᠣᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ | ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠭᠢᠮ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠵᠢᠭᠤᠯᠴᠢᠯᠠᠯ ᠤᠨ ᠬᠥᠭᠵᠢᠭᠦᠯᠦᠯᠲᠡ ᠶᠢᠨ ᠵᠦᠪᠯᠡᠯ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ᠂ ᠠᠵᠤ ᠦᠢᠯᠡᠳᠪᠦᠷᠢ | ᠬᠤᠳᠠᠯᠳᠤᠭ᠎ᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠠᠵᠤ ᠠᠬᠤᠢ ᠪᠠ ᠮᠡᠳᠡᠭᠡ ᠵᠠᠩᠬᠢᠴᠢᠯᠠᠯᠲᠠ ᠶᠢᠨ ᠵᠦᠪᠯᠡᠯ᠂ | ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠦᠬᠡᠬᠤᠲᠠ ᠪᠤᠭᠤᠮᠲᠠ ᠵᠡᠷᠭᠡ ᠰᠠᠯᠠᠭ᠎ᠠ ᠮᠦᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠤᠭᠠᠷ | ᠬᠠᠷᠢᠭᠤᠴᠠᠨ᠎ᠠ︶ | ︵ᠲᠠᠪᠤ︶ ᠶᠠᠰᠤ ᠴᠢᠨᠠᠷ ᠤᠨ ᠭᠡᠷᠡᠴᠢᠯᠡᠭᠡ ᠶᠢᠨ ᠶᠡᠷᠦᠩᠬᠡᠢ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ | 12. ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠵᠤ ᠳᠡᠰ ᠳᠡᠪᠰᠢᠭᠦᠯᠬᠦ ᠪᠠ ᠰᠢᠨ᠎ᠡ ᠪᠠᠷ ᠪᠣᠢ ᠪᠣᠯᠣᠭᠰᠠᠨ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ | ᠮᠡᠷᠭᠡᠵᠢᠯ ᠤᠨ ᠣᠨᠴᠠ ᠴᠢᠳᠠᠪᠤᠷᠢᠲᠠᠢ᠂ ᠦᠢᠯᠡᠴᠢᠯᠡᠭᠡᠨ ᠨᠢ ᠣᠨᠴᠠᠯᠢᠭ ᠲᠠᠢ ᠨᠢᠭᠡ ᠪᠦᠯᠦᠭ ᠲᠤᠰᠬᠠᠶᠢᠵᠢᠭᠰᠠᠨ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ | ᠪᠠᠶᠢᠭᠤᠯᠤᠮᠵᠢ ᠶᠢᠨ ᠬᠥᠭᠵᠢᠯᠲᠡ ᠶᠢ ᠳᠡᠮᠵᠢᠨ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠪᠠᠷ ︽ᠵᠠᠯᠭᠠᠭᠤᠷ︾ ᠪᠣᠯᠭᠠᠭᠰᠠᠨ ᠠᠵᠤ ᠦᠢᠯᠡᠰ ᠤᠨ ᠪᠦᠭᠡᠮᠨᠡᠷᠡᠯ ᠤᠨ | ᠰᠢᠨ᠎ᠡ ᠵᠠᠭᠪᠤᠷ ᠢ ᠪᠣᠢ ᠪᠣᠯᠭᠠᠬᠤ ᠪᠠᠷ ᠴᠢᠷᠮᠠᠶᠢᠨ᠎ᠠ᠃ ᠶᠠᠰᠤ ᠴᠢᠨᠠᠷ ᠤᠨ ᠠᠮᠦᠷ ᠲᠥᠪᠰᠢᠨ ᠤ ᠲᠥᠭᠰᠢᠭᠦᠷᠢ ᠶᠢ ᠰᠡᠷᠡᠮᠵᠢᠯᠡᠭᠦᠯᠬᠦ᠂ ᠣᠯᠠᠨ ᠨᠡᠶᠢᠲᠡ ᠶᠢᠨ ᠭᠡᠨᠡᠳᠲᠡ ᠶᠢᠨ | ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠵᠡᠷᠭᠡ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ᠣᠷᠣᠨ ᠤ ᠲᠤᠳᠤᠷᠠᠬᠢ ᠠᠵᠤ ᠠᠬᠤᠶᠢᠯᠠᠯ ᠤᠨ ᠬᠢᠨ ᠤ ᠶᠠᠰᠤ ᠴᠢᠨᠠᠷ ᠤᠨ ᠭᠡᠷᠡᠴᠢᠯᠡᠭᠡ ᠶᠢᠨ ᠬᠢᠷᠢ ᠭᠡᠮ ᠣᠯᠬᠤ ᠶᠢ ᠳᠡᠮᠵᠢᠵᠦ᠂ ᠠᠵᠤ | ᠠᠬᠤᠶᠢᠯᠠᠯ ᠳᠤ ᠳᠦᠭᠦᠮ ᠪᠦᠭᠡᠳ ᠦᠨᠳᠦᠷ ᠪᠦᠲᠦᠮᠵᠢᠲᠡᠢ ᠦᠢᠯᠡᠴᠢᠯᠡᠭᠡ ᠶᠢ ᠬᠠᠩᠭᠠᠨ᠎ᠠ᠃ 2020 ᠣᠨ ᠪᠣᠯᠬᠤ ᠳᠤ᠂ ᠪᠦᠬᠦ ᠣᠷᠣᠨ ᠤ ᠡᠯ᠎ᠡ ᠲᠦᠷᠦᠯ ᠤᠨ | ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠪᠠᠶᠢᠭᠤᠯᠤᠮᠵᠢ ᠶᠢ 1200 ᠭᠠᠷᠤᠢ ᠪᠣᠯᠭᠠᠵᠤ᠂ ᠣᠷᠣᠨ ᠤ ᠲᠤᠳᠤᠷ᠎ᠠ ᠳᠠᠩᠰᠠᠯᠠᠭᠤᠯᠤᠭᠰᠠᠨ ᠶᠠᠰᠤ ᠴᠢᠨᠠᠷ ᠤᠨ | ᠭᠡᠷᠡᠴᠢᠯᠡᠭᠡ ᠶᠢᠨ ᠬᠢᠷᠢ ᠭᠡᠮ ᠲᠠᠢ ᠭᠡᠷᠡᠴᠢᠯᠡᠭᠡ ᠶᠢᠨ ᠪᠠᠶᠢᠭᠤᠯᠤᠮᠵᠢ ᠶᠢ 3 ᠠᠴᠠ ᠢᠯᠡᠬᠦᠤ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ | ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠠᠬᠤᠢ | ᠪᠠ ᠮᠡᠳᠡᠭᠡ ᠵᠠᠩᠭᠢᠴᠢᠯᠠᠯᠲᠠ ᠶᠢᠨ ᠵᠥᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ᠂ | ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠬᠡᠬᠤᠲᠠ ᠪᠣᠭᠤᠮᠲᠠ ᠵᠡᠷᠭᠡ | ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 13. ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠪᠠᠶᠢᠭᠤᠯᠤᠮᠵᠢ ᠶᠢᠨ ᠬᠢᠷᠢ ᠬᠡᠮ ᠮᠠᠭᠠᠳᠯᠠᠨ ᠲᠣᠭᠲᠠᠭᠠᠬᠤ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ︽ | ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ︾ ᠤᠨ ᠦᠢᠯᠡᠴᠢᠯᠡᠭᠡ ᠶᠢ ᠨᠠᠶᠢᠳᠠᠪᠤᠷᠢᠵᠢᠭᠤᠯᠤᠨ᠂ ︽ᠨᠢᠭᠡ ᠯᠠ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠨ ᠵᠥᠪᠰᠢᠶᠡᠷᠡᠬᠦ ᠴᠤᠪᠤᠷᠠᠯ ᠢ ᠶᠡᠭᠡ ᠪᠠᠷ ᠴᠣᠮᠬᠠᠳᠬᠠᠨ᠂ ︽ᠶᠡᠬᠡᠳᠡᠬᠦ ᠳᠤ ᠪᠠᠨ ᠨᠢᠭᠡ ᠯᠠ ᠤᠳᠠᠭ᠎ᠠ ᠣᠴᠢᠵᠤ | ᠭᠦᠢᠴᠡᠳᠬᠡᠬᠦ︾ ᠶᠢᠨ ᠡᠯ᠎ᠡ ᠵᠦᠢᠯ ᠤᠨ ᠬᠢᠨᠠᠨ ᠵᠥᠪᠰᠢᠶᠡᠷᠡᠬᠦ ᠲᠣᠭᠲᠠᠭᠠᠯ ᠢ ᠪᠡᠶᠡᠯᠡᠭᠦᠯᠵᠦ᠂ ᠵᠠᠰᠠᠭ ᠵᠠᠬᠢᠷᠭᠠᠨ ᠤ ᠠᠵᠢᠯ ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠪᠠᠶᠢᠭᠤᠯᠤᠮᠵᠢ ᠶᠢᠨ ᠬᠢᠷᠢ ᠬᠡᠮ ᠮᠠᠭᠠᠳᠯᠠᠨ ᠲᠣᠭᠲᠠᠭᠠᠬᠤ ᠬᠢᠭᠡᠳ ᠬᠠᠮᠢᠶ᠎ᠠ ᠪᠦᠬᠦᠢ ᠠᠵᠢᠯ | ᠲᠥᠷᠥᠯ ᠤᠨ ᠬᠢᠨ ᠤ ᠬᠢᠷᠢ ᠬᠡᠮ ᠤᠨ ᠵᠥᠪᠰᠢᠶᠡᠷᠡᠬᠦ ᠠᠵᠢᠯ ᠢ ᠨᠡᠶᠢᠯᠡᠭᠦᠯᠵᠦ ᠬᠤᠯᠪᠣᠭᠠᠯᠠᠨ ᠬᠢᠨᠠᠨ ᠵᠥᠪᠰᠢᠶᠡᠷᠡᠬᠦ ᠳᠦᠷᠢᠮ ᠢ ᠪᠠᠶᠢᠭᠤᠯᠤᠨ ᠬᠡᠷᠡᠭᠵᠢᠭᠦᠯᠦᠨ᠎ᠡ᠃ ︵ | ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠢ ᠶᠢᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ | ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠢᠩᠬᠢᠮ᠂ ᠥᠪᠥᠷ ᠮᠣᠩᠭᠤᠯ ᠤᠨ ᠴᠠᠭ ᠠᠭᠤᠷ ᠤᠨ | ᠲᠣᠪᠴᠢᠶ᠎ᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠵᠢᠷᠭᠤᠭ᠎ᠠ︶ ᠭᠡᠷᠡᠴᠢᠯᠡᠭᠡ ᠶᠢᠨ ᠠᠵᠢᠯᠯᠠᠭ᠎ᠠ ᠶᠢᠨ ᠠᠵᠢᠯ ᠶᠠᠪᠤᠳᠠᠯ ᠤᠨ ᠳᠤᠮᠳᠠᠬᠢ ᠪᠠ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ | 14. ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠬᠢᠨᠠᠨ ᠬᠠᠮᠢᠶᠠᠷᠬᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ | ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤᠨ ᠤ ᠭᠡᠷᠡᠴᠢᠯᠡᠭᠡ ᠶᠢᠨ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠤ | ᠬᠤᠯᠪᠣᠭᠠᠯᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠴᠢᠩᠭᠠᠷᠠᠭᠤᠯᠤᠨ᠂ ᠭᠡᠷᠡᠴᠢᠯᠡᠭᠡ ᠶᠢᠨ ᠬᠢᠨᠠᠨ ᠬᠠᠮᠢᠶᠠᠷᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠦᠨᠳᠦᠰᠦᠨ ᠱᠠᠲᠤᠨ ᠤ ᠭᠡᠷᠡᠴᠢᠯᠡᠭᠡ ᠶᠢᠨ ᠬᠢᠨᠠᠨ ᠬᠠᠮᠢᠶᠠᠷᠬᠤ ᠬᠦᠴᠦᠨ ᠢ ᠲᠡᠭᠦᠯᠳᠡᠷᠵᠢᠭᠦᠯᠦᠨ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠵᠦ ᠬᠢᠨᠠᠨ | ᠬᠠᠮᠢᠶᠠᠷᠬᠤ ᠶᠢ ᠠᠬᠢᠭᠤᠯᠵᠤ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠪᠠ ᠨᠡᠶᠢᠭᠡᠮ ᠤᠨ ᠬᠢᠨ ᠤ ᠬᠢᠨᠠᠯᠲᠠ ᠲᠠᠯᠪᠢᠬᠤ ᠶᠢ ᠴᠢᠩᠭᠠᠷᠠᠭᠤᠯᠤᠨ᠎ᠠ᠃ ︵ | ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ | ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠠᠬᠤᠢ ᠪᠠ ᠮᠡᠳᠡᠭᠡ ᠵᠠᠩᠭᠢᠴᠢᠯᠠᠯᠲᠠ ᠶᠢᠨ | ᠵᠥᠪᠯᠡᠯ᠂ ᠠᠵᠤ ᠦᠢᠯᠡᠳᠪᠦᠷᠢ ᠬᠤᠳᠠᠯᠳᠤᠭ᠎ᠠ ᠶᠢᠨ ᠲᠢᠩᠬᠢᠮ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ | ᠲᠢᠩᠬᠢᠮ᠂ ᠬᠥᠬᠡᠬᠤᠲᠠ ᠪᠣᠭᠤᠮᠲᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 15. ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠬᠢᠨᠠᠨ ᠬᠠᠮᠢᠶᠠᠷᠬᠤ ᠡᠷᠴᠢᠮ ᠢ ᠴᠢᠩᠭᠠᠷᠠᠭᠤᠯᠤᠨ᠎ᠠ᠃ ︽ᠬᠤᠶᠠᠷ ᠢ ᠰᠤᠭᠤᠴᠢᠨ | ᠪᠠᠶᠢᠴᠠᠭᠠᠵᠤ ᠨᠢᠭᠡ ᠶᠢ ᠢᠯᠡ ᠪᠣᠯᠭᠠᠬᠤ︾ ᠶᠢᠨ ᠬᠢᠨᠠᠨ ᠬᠠᠮᠢᠶᠠᠷᠬᠤ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠦᠨ᠂ ᠬᠠᠷᠢᠶ᠎ᠠ ᠭᠠᠵᠠᠷ ᠤᠨ ᠬᠢᠨᠠᠨ ᠬᠠᠮᠢᠶᠠᠷᠬᠤ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠭᠡᠷᠡᠴᠢᠯᠡᠭᠡ ᠶᠢᠨ ᠬᠢᠨᠠᠨ ᠬᠠᠮᠢᠶᠠᠷᠬᠤ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠢᠶᠠᠷ ᠢᠶᠠᠨ ᠭᠡᠷᠡᠴᠢᠯᠡᠭᠡ ᠶᠢᠨ ᠠᠵᠢᠯᠯᠠᠭᠠᠨ ᠳᠤ ᠬᠠᠤᠯᠢ ᠶᠣᠰᠣᠭᠠᠷ ᠬᠢᠨᠠᠯᠲᠠ ᠲᠠᠯᠪᠢᠵᠤ ᠬᠠᠮᠢᠶᠠᠷᠬᠤ ᠶᠢ ᠬᠡᠷᠡᠭᠵᠢᠭᠦᠯᠦᠨ᠂ ᠪᠠᠶᠢᠴᠠᠭᠠᠨ ᠰᠢᠯᠭᠠᠵᠤ | ᠪᠠᠶᠢᠴᠠᠭᠠᠨ ᠰᠢᠨᠵᠢᠬᠦ ᠠᠵᠢᠯᠯᠠᠭᠠᠨ ᠢ ᠬᠠᠤᠯᠢ ᠪᠤᠰᠤ ᠪᠠᠷ ᠬᠢᠬᠦ ᠪᠠ ᠭᠡᠷᠡᠴᠢᠯᠡᠭᠡ ᠶᠢᠨ ᠦᠨᠡᠮᠯᠡᠯ ᠪᠤᠶᠤ ᠭᠡᠷᠡᠴᠢᠯᠡᠭᠡ ᠶᠢᠨ ᠲᠡᠮᠳᠡᠭ ᠢ ᠬᠤᠳᠠᠯ ᠢᠶᠠᠷ ᠵᠣᠬᠢᠶᠠᠬᠤ᠂ | ᠬᠠᠭᠤᠷᠮᠠᠭᠯᠠᠨ ᠬᠡᠷᠡᠭᠯᠡᠬᠦ᠂ ᠬᠤᠳᠠᠯᠳᠤᠭᠠᠯᠠᠬᠤ ᠵᠡᠷᠭᠡ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠯᠪᠠᠳᠠᠯᠭ᠎ᠠ ᠶᠢᠨ ᠴᠢᠨᠠᠷᠲᠠᠢ ᠭᠡᠷᠡᠴᠢᠯᠡᠭᠡ ᠦᠭᠡᠢ | ᠦᠢᠯᠡᠳᠬᠦᠨ ᠢ ᠵᠠᠬ᠎ᠠ ᠳᠡᠯᠭᠡᠭᠦᠷ ᠲᠤ ᠣᠷᠣᠭᠤᠯᠬᠤ ᠶᠢ ᠨᠢ ᠴᠢᠩᠭ᠎ᠠ ᠴᠠᠭᠠᠵᠠᠯᠠᠨ᠂ ᠭᠡᠷᠡᠴᠢᠯᠡᠭᠡ ᠶᠢᠨ ᠦᠷ᠎ᠡ ᠪᠦᠳᠦᠮᠵᠢᠲᠦ ᠴᠢᠨᠠᠷ ᠪᠣᠯᠣᠨ ᠨᠡᠶᠢᠲᠡ ᠳᠤ ᠢᠲᠡᠭᠡᠭᠦᠯᠬᠦ | ᠬᠦᠴᠦᠨ ᠢ ᠦᠨᠡᠨ ᠬᠦ ᠪᠠᠲᠤᠯᠠᠵᠤ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠵᠠᠬ᠎ᠠ ᠳᠡᠯᠭᠡᠭᠦᠷ ᠤᠨ ᠡᠷᠡᠭᠦᠯ ᠢᠶᠠᠷ ᠡᠮᠬᠢ ᠵᠢᠷᠤᠮ ᠲᠠᠢ | ᠬᠥᠭᠵᠢᠬᠦ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠲᠦᠷᠦᠭᠦᠯᠡᠨ᠂ ᠲᠠᠷᠢᠶᠠᠯᠠᠩ ᠮᠠᠯ | ᠠᠵᠤ ᠠᠬᠤᠢ ᠶᠢᠨ ᠲᠢᠩᠬᠢᠮ᠂ ᠬᠥᠬᠡᠬᠤᠲᠠ ᠪᠣᠭᠤᠮᠲᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | | 16. ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠪᠠᠶᠢᠭᠤᠯᠤᠮᠵᠢ ᠵᠢᠴᠢ ᠠᠵᠢᠯᠲᠠᠳ ᠤᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ᠎ᠠ᠃ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠠᠵᠢᠯᠯᠠᠭ᠎ᠠ ᠳᠤ ᠣᠷᠣᠯᠴᠠᠭᠰᠠᠨ ᠠᠵᠢᠯ ᠬᠢᠭᠰᠡᠳ ᠠᠴᠠ ᠪᠥᠬᠦ | ᠶᠠᠪᠤᠴᠠ ᠳᠤ ᠨᠢ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ︽ᠬᠡᠨ ᠭᠡᠷᠡᠴᠢᠯᠡᠭᠡ ᠭᠠᠷᠭᠠᠪᠠᠯ ᠲᠡᠷᠡ ᠬᠠᠷᠢᠭᠤᠴᠠᠵᠤ᠂ ᠬᠡᠨ ᠭᠠᠷ ᠤᠨ | ᠦᠰᠦᠭ ᠵᠢᠷᠤᠪᠠᠯ ᠲᠡᠷᠡ ᠬᠠᠷᠢᠭᠤᠴᠠᠯᠭ᠎ᠠ ᠡᠭᠦᠷᠭᠡᠯᠡᠬᠦ︾ ᠶᠢ ᠨᠠᠶᠢᠳᠠᠪᠤᠷᠢᠵᠢᠭᠤᠯᠤᠨ᠎ᠠ᠃ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ | ᠪᠠᠶᠢᠭᠤᠯᠤᠮᠵᠢ ᠶᠢᠨ ᠬᠢᠨ ᠤ ᠠᠮᠠᠯᠠᠯᠲᠠ ᠪᠠᠨ ᠢᠯᠡ ᠪᠣᠯᠭᠠᠬᠤ ᠪᠠ ᠮᠡᠳᠡᠭᠡ ᠵᠠᠩᠭᠢ ᠪᠠᠨ ᠢᠯᠡ ᠨᠡᠶᠢᠲᠡᠯᠡᠬᠦ ᠳᠦᠷᠢᠮ ᠢ ᠬᠡᠷᠡᠭᠵᠢᠭᠦᠯᠦᠨ᠂ ᠦᠨᠡᠨᠴᠢ ᠢᠲᠡᠭᠡᠮᠵᠢ ᠶᠢᠨ | ᠳᠠᠩᠰᠠ ᠡᠪᠬᠡᠮᠡᠯ ᠢ ᠪᠠᠶᠢᠭᠤᠯᠵᠤ᠂ ᠡᠭᠦᠷᠢᠳᠡ ᠪᠤᠴᠠᠭᠠᠨ ᠭᠠᠷᠭᠠᠬᠤ ᠪᠠ ᠨᠠᠰᠤᠨ ᠲᠤᠷᠰᠢᠲᠠ ᠨᠢ ᠬᠤᠷᠢᠭᠯᠠᠬᠤ ᠵᠡᠷᠭᠡ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ | ᠲᠣᠭᠲᠠᠴᠠ ᠶᠢ ᠲᠡᠭᠦᠯᠳᠡᠷᠵᠢᠭᠦᠯᠦᠨ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠶᠠᠪᠤᠴᠠ ᠳᠠᠬᠢ ᠪᠠᠶᠢᠭᠤᠯᠤᠮᠵᠢ ᠪᠣᠯᠣᠨ ᠠᠵᠢᠯᠲᠠᠳ ᠤᠨ ᠢᠲᠡᠭᠡᠯ | ᠠᠯᠳᠠᠭᠰᠠᠨ ᠦᠢᠯᠡ ᠠᠵᠢᠯᠯᠠᠭ᠎ᠠ ᠶᠢᠨ ᠮᠡᠳᠡᠭᠡ ᠵᠠᠩᠭᠢ ᠶᠢ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠪᠣᠯᠣᠨ | ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠳᠤ ᠪᠠᠨ ᠬᠦᠷᠲᠡᠬᠦ ᠲᠠᠪᠴᠠᠩ ᠳᠤ ᠳᠠᠷᠦ᠋ᠢᠬᠠᠨ ᠶᠠᠪᠤᠭᠤᠯᠵᠤ᠂ ᠰᠠᠯᠠᠭ᠎ᠠ | ᠮᠥᠴᠢᠷ ᠤᠳ ᠬᠤᠯᠪᠣᠭᠠᠯᠠᠵᠤ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠦᠨ᠂ ᠬᠠᠤᠯᠢ ᠠᠴᠠ ᠵᠥᠷᠢᠴᠡᠵᠦ ᠢᠲᠡᠭᠡᠯ ᠠᠯᠳᠠᠬᠤ ᠥᠪᠡᠷ ᠤᠨ ᠥᠷᠲᠡᠭ ᠢ ᠨᠢ | ᠨᠡᠮᠡᠭᠳᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠢᠳᠡᠭᠡᠨ ᠪᠠ ᠡᠮ ᠤᠨ ᠵᠦᠢᠯ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠬᠤᠳᠠᠯᠳᠤᠭ᠎ᠠ ᠶᠢᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠬᠥᠬᠡᠬᠤᠲᠠ ᠪᠣᠭᠤᠮᠲᠠ ᠵᠡᠷᠭᠡ ᠰᠠᠯᠠᠭ᠎ᠠ | ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠳᠣᠯᠤᠭ᠎ᠠ︶ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠦᠢᠯᠡᠴᠢᠯᠡᠬᠦ ᠦᠢᠯᠡᠰ ᠢ ᠪᠤᠶᠢᠵᠢᠭᠤᠯᠤᠨ ᠬᠥᠭᠵᠢᠭᠦᠯᠦᠨ᠎ᠡ | 17. ᠠᠵᠢᠯ ᠲᠥᠷᠥᠯ ᠤᠨ ᠬᠢᠨ ᠤ ᠬᠥᠭᠵᠢᠯᠲᠡ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠢ ᠪᠣᠯᠭᠠᠨ᠎ᠠ᠃ ᠨᠡᠶᠢᠭᠡᠮ ᠤᠨ ᠬᠦᠴᠦᠨ ᠤ ᠬᠢᠨ ᠢ | ᠵᠣᠷᠢᠬᠵᠢᠭᠤᠯᠬᠤ ᠪᠠ ᠳᠡᠮᠵᠢᠵᠦ ᠪᠠᠶᠢᠭᠠᠳ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠲᠤᠬᠠᠶᠢᠯᠠᠭᠰᠠᠨ ᠠᠵᠢᠯ ᠥᠷᠨᠢᠭᠦᠯᠦᠨ᠂ ᠵᠠᠰᠠᠭ ᠤᠨ | ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠡᠷᠴᠢᠮ ᠢ ᠴᠢᠩᠭᠠᠷᠠᠭᠤᠯᠵᠤ᠂ ᠡᠯ᠎ᠡ ᠲᠥᠷᠥᠯ ᠤᠨ ᠭᠤᠣᠯ ᠴᠣᠭᠴᠠ ᠶᠢᠨ ᠡᠷᠬᠡ ᠲᠡᠭᠰᠢ ᠪᠠᠷ ᠥᠷᠢᠰᠦᠯᠳᠦᠬᠦ ᠵᠠᠬ᠎ᠠ | ᠳᠡᠯᠭᠡᠭᠦᠷ ᠤᠨ ᠣᠷᠴᠢᠨ ᠨᠥᠬᠦᠴᠡᠯ ᠢ ᠪᠣᠢ ᠪᠣᠯᠭᠠᠨ᠎ᠠ᠃ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠦᠢᠯᠡᠴᠢᠯᠡᠬᠦ ᠦᠢᠯᠡᠰ ᠤᠨ ᠬᠥᠭᠵᠢᠯᠲᠡ ᠶᠢ | ᠠᠬᠢᠭᠤᠯᠬᠤ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠬᠤᠪᠣᠷ ᠰᠢᠷᠣᠢ᠂ ᠲᠣᠨᠤᠭ ᠲᠥᠬᠦᠭᠡᠷᠦᠮᠵᠢ ᠦᠢᠯᠡᠳᠬᠦ᠂ ᠪᠠᠷᠢᠯᠭ᠎ᠠ ᠶᠢᠨ ᠠᠵᠢᠯ | ᠪᠣᠯᠣᠨ ᠮᠠᠲ᠋ᠧᠷᠢᠶᠠᠯ ᠵᠡᠷᠭᠡ ᠠᠵᠢᠯ ᠲᠥᠷᠥᠯ ᠢ ᠵᠣᠷᠢᠬᠵᠢᠭᠤᠯᠵᠤ ᠪᠠᠶᠢᠭᠠᠳ ᠦᠢᠯᠡᠳᠪᠦᠷᠢᠯᠡᠬᠦ ᠵᠢᠭᠠᠬᠤ ᠰᠤᠳᠤᠯᠬᠤ ᠶᠢ ᠨᠢᠭᠡ ᠴᠣᠭᠴᠠᠵᠢᠭᠤᠯᠤᠭᠰᠠᠨ ᠪᠠᠶᠢᠴᠠᠭᠠᠨ | ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠬᠤᠯᠪᠣᠭ᠎ᠠ ᠶᠢ ᠵᠣᠬᠢᠶᠠᠨ ᠪᠠᠶᠢᠭᠤᠯᠵᠤ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠬᠢᠭᠡᠳ ᠠᠵᠤ | ᠦᠢᠯᠡᠰ ᠤᠨ ᠠᠵᠤ ᠠᠬᠤᠢ ᠶᠢᠨ ᠭᠦᠨᠵᠡᠭᠡᠢ ᠠᠭᠤᠰᠤᠯᠴᠠᠬᠤ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠪᠠ ᠮᠡᠳᠡᠭᠡ | ᠵᠠᠩᠭᠢᠴᠢᠯᠠᠯᠲᠠ ᠶᠢᠨ ᠵᠥᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | 18. ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠣᠯᠠᠨ ᠨᠡᠶᠢᠲᠡ ᠶᠢᠨ ᠮᠡᠷᠭᠡᠵᠢᠯ ᠤᠨ ᠦᠢᠯᠡᠴᠢᠯᠡᠭᠡᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠭᠤᠣᠯᠯᠠᠬᠤ ᠠᠵᠤ ᠦᠢᠯᠡᠰ ᠤᠨ ᠲᠣᠭᠤᠷᠢᠨ ᠳᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ | ᠪᠠᠶᠢᠷᠢᠰᠢᠭᠤᠯᠵᠤ᠂ ᠦᠢᠯᠡᠳᠬᠦᠨ ᠤ ᠶᠠᠰᠤ ᠴᠢᠨᠠᠷ ᠢ ᠵᠠᠳᠠᠯᠤᠨ ᠲᠤᠷᠰᠢᠬᠤ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠮᠡᠷᠭᠡᠵᠢᠯ ᠢ ᠰᠤᠳᠤᠯᠤᠨ ᠨᠡᠭᠡᠭᠡᠬᠦ᠂ | ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠦᠲᠦᠭᠡᠯ ᠢ ᠪᠠᠷᠢᠮᠵᠢᠶᠠᠵᠢᠭᠤᠯᠤᠨ ᠤᠯᠠᠷᠢᠭᠤᠯᠬᠤ ᠶᠢᠨ ᠨᠢᠭᠡ ᠴᠣᠭᠴᠠᠵᠢᠭᠰᠠᠨ ᠶᠡᠷᠦᠩᠬᠡᠶᠢᠯᠡᠭᠰᠡᠨ ᠦᠢᠯᠡᠴᠢᠯᠡᠬᠦ | ᠲᠥᠷᠥᠯ ᠤᠨ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠲᠥᠪ ᠢ ᠪᠠᠶᠢᠭᠤᠯᠤᠨ᠎ᠠ᠃ ᠨᠡᠭᠡᠭᠡᠨ ᠬᠥᠭᠵᠢᠭᠦᠯᠬᠦ ᠲᠣᠭᠤᠷᠢᠭ ᠪᠤᠶᠤ ᠠᠵᠤ ᠦᠢᠯᠡᠰ ᠤᠨ ᠪᠥᠭᠡᠮᠨᠡᠷᠡᠯ ᠤᠨ | ᠲᠣᠭᠤᠷᠢᠭ ᠤᠨ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠪᠠᠶᠢᠭᠤᠯᠤᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ 2019 ᠣᠨ ᠪᠣᠯᠬᠤ ᠳᠤ ᠪᠥᠬᠦ | ᠣᠷᠣᠨ ᠤ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ᠂ ᠭᠡᠷᠡᠴᠢᠯᠡᠭᠡ ᠵᠡᠷᠭᠡ ᠮᠡᠷᠭᠡᠵᠢᠯ ᠤᠨ ᠦᠢᠯᠡᠴᠢᠯᠡᠭᠡ ᠶᠢᠨ ᠨᠢᠭᠡ ᠴᠣᠭᠴᠠᠵᠢᠭᠰᠠᠨ ᠮᠡᠳᠡᠭᠡ ᠵᠠᠩᠭᠢ ᠶᠢᠨ | ᠲᠠᠪᠴᠠᠩ ᠢ ᠪᠠᠶᠢᠭᠤᠯᠤᠨ᠂ ︽ᠰᠦᠯᠵᠢᠶ᠎ᠡ ᠶᠢ ᠰᠦᠯᠵᠢᠶ᠎ᠡ ᠳᠤ ᠴᠢᠭᠯᠡᠭᠦᠯᠵᠦ ᠰᠦᠯᠵᠢᠶ᠎ᠡ ᠪᠠᠷ ᠭᠦᠢᠴᠡᠳᠭᠡᠬᠦ ︵ᠭᠤᠶᠤᠴᠢᠯᠠᠬᠤ︶︾ ᠪᠣᠯᠭᠠᠨ᠎ᠠ᠃ 2020 ᠣᠨ | ᠪᠣᠯᠬᠤ ᠳᠤ᠂ ᠪᠥᠬᠦ ᠣᠷᠣᠨ ᠳᠤ ᠤᠯᠤᠰ ᠤᠨ ᠳᠡᠰ ᠤᠨ ᠶᠠᠰᠤ ᠴᠢᠨᠠᠷ ᠢ ᠪᠠᠶᠢᠴᠠᠭᠠᠬᠤ ︵ᠬᠡᠮᠵᠢᠬᠦ︶ ᠲᠥᠪ ᠢ 11 ᠪᠣᠯᠭᠠᠵᠤ᠂ ᠥᠪᠡᠷᠲᠡᠭᠡᠨ ᠵᠠᠰᠠᠬᠤ ᠣᠷᠣᠨ ᠤ | ᠳᠡᠰ ᠤᠨ ᠶᠠᠰᠤ ᠴᠢᠨᠠᠷ ᠢ ᠪᠠᠶᠢᠴᠠᠭᠠᠬᠤ ᠲᠥᠪ ᠢ 25 ᠪᠣᠯᠭᠠᠨ᠂ ᠠᠶᠢᠮᠠᠭ ᠬᠤᠲᠠ ᠶᠢᠨ ᠭᠤᠣᠯᠳᠠᠯᠭ᠎ᠠ ᠲᠠᠢ ᠠᠵᠤ ᠦᠢᠯᠡᠰ ᠤᠨ ᠣᠯᠠᠨ ᠨᠡᠶᠢᠲᠡ ᠶᠢᠨ ᠪᠠᠶᠢᠴᠠᠭᠠᠨ | ᠰᠢᠯᠭᠠᠵᠤ ᠪᠠᠶᠢᠴᠠᠭᠠᠨ ᠰᠢᠨᠵᠢᠬᠦ ᠴᠢᠳᠠᠪᠤᠷᠢ ᠶᠢ ᠨᠢ ᠮᠡᠳᠡᠭᠳᠡᠬᠦ᠋ᠢᠴᠡ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ | ᠬᠢᠨᠠᠯᠲᠠ ᠲᠠᠯᠪᠢᠬᠤ ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠠᠵᠤ ᠠᠬᠤᠢ ᠪᠠ ᠮᠡᠳᠡᠭᠡ | ᠵᠠᠩᠭᠢᠴᠢᠯᠠᠯᠲᠠ ᠶᠢᠨ ᠵᠥᠪᠯᠡᠯ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠥᠬᠡᠬᠤᠲᠠ ᠪᠣᠭᠤᠮᠲᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 19. ᠶᠠᠰᠤ ᠴᠢᠨᠠᠷ ᠤᠨ ᠭᠡᠷᠡᠴᠢᠯᠡᠭᠡ ᠶᠢᠨ ᠲᠠᠯ᠎ᠠ ᠪᠠᠷ ᠤᠯᠠᠨ ᠤᠯᠤᠰ ᠯᠤᠭ᠎ᠠ ᠬᠠᠮᠲᠤᠷᠠᠨ ᠠᠵᠢᠯᠯᠠᠬᠤ ᠶᠢ ᠭᠦᠨᠵᠡᠭᠡᠶᠢᠷᠡᠭᠦᠯᠦᠨ᠎ᠡ᠃ ᠣᠷᠣᠰ ᠮᠣᠩᠭᠤᠯ ᠵᠡᠷᠭᠡ ︽ | ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠯᠤᠭ᠎ᠠ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠬᠠᠮᠲᠤᠷᠠᠨ ᠠᠵᠢᠯᠯᠠᠬᠤ ᠲᠣᠭᠲᠠᠴᠠ ᠶᠢ | ᠴᠣᠭᠴᠠᠯᠠᠨ ᠪᠠᠶᠢᠭᠤᠯᠤᠨ᠎ᠠ᠃ ᠣᠷᠣᠨ ᠤ ᠳᠣᠲᠣᠷᠠᠬᠢ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠪᠠᠶᠢᠭᠤᠯᠤᠮᠵᠢ ᠶᠢ ᠳᠡᠮᠵᠢᠵᠦ ᠪᠠᠶᠢᠭᠠᠳ ᠣᠯᠠᠨ | ᠤᠯᠤᠰ ᠤᠨ ᠲᠤᠬᠠᠶᠢᠯᠠᠭᠰᠠᠨ ᠠᠵᠢᠯ ᠢ ᠥᠷᠭᠡᠳᠬᠡᠨ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠬᠢᠭᠡᠳ ᠭᠠᠳᠠᠭᠠᠳᠤ ᠳᠤ ᠪᠡᠯᠡ ᠣᠷᠣᠭᠤᠯᠵᠤ | ᠲᠣᠬᠢᠷᠠᠭᠤᠯᠬᠤ᠂ ᠪᠦᠲᠦᠭᠡᠨ ᠪᠠᠶᠢᠭᠤᠯᠬᠤ ᠲᠥᠷᠥᠯ ᠵᠦᠢᠯ ᠳᠤ ᠲᠦᠬᠦᠷᠵᠢᠭᠦᠯᠦᠨ ᠦᠢᠯᠡᠴᠢᠯᠡᠬᠦ ᠶᠢ ᠠᠬᠢᠭᠤᠯᠤᠨ᠎ᠠ᠃ ᠣᠯᠠᠨ ᠤᠯᠤᠰᠴᠢᠯᠠᠭᠰᠠᠨ ᠪᠠᠶᠢᠴᠠᠭᠠᠨ ᠰᠢᠯᠭᠠᠵᠤ | ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠴᠢᠳᠠᠪᠤᠷᠢᠲᠠᠨ ᠢ ᠬᠥᠮᠥᠵᠢᠭᠦᠯᠦᠨ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ︽ᠭᠠᠷᠴᠤ ᠶᠠᠪᠤᠬᠤ︾ | ᠠᠯᠬᠤᠴᠠ ᠶᠢ ᠲᠦᠷᠭᠡᠳᠬᠡᠨ᠎ᠡ᠃ ᠭᠠᠳᠠᠭᠠᠳᠤ ᠳᠤ ᠭᠠᠷᠭᠠᠬᠤ ᠢᠳᠡᠭᠡᠨ ᠤ ᠪᠦᠷᠢᠳᠬᠡᠨ ᠳᠠᠩᠰᠠᠯᠠᠭᠤᠯᠤᠭᠰᠠᠨ ᠠᠵᠤ ᠠᠬᠤᠶᠢᠯᠠᠯ ᠨᠢ ᠬᠠᠮᠢᠶ᠎ᠠ ᠪᠦᠬᠦᠢ ᠤᠯᠤᠰ ᠤᠨ | ᠠᠯᠪᠠᠨ ᠤ ᠲᠠᠯ᠎ᠠ ᠶᠢᠨ ᠳᠠᠩᠰᠠᠯᠠᠯ ᠵᠢᠴᠢ ᠮᠠᠨ ᠤ ᠤᠯᠤᠰ ᠲᠤ ᠭᠠᠷᠭᠠᠬᠤ ᠪᠠᠷ ᠪᠠᠶᠢᠭ᠎ᠠ ᠢᠳᠡᠭᠡᠨ ᠤ ᠤᠯᠤᠰ ᠤᠨ ᠭᠠᠳᠠᠭᠠᠳᠤ ᠳᠤ ᠳᠠᠩᠰᠠᠯᠠᠭᠤᠯᠤᠭᠰᠠᠨ ᠠᠵᠤ | ᠠᠬᠤᠶᠢᠯᠠᠯ ᠤᠨ ᠮᠡᠷᠭᠡᠵᠢᠯ ᠤᠨ ᠬᠢᠨᠠᠨ ᠲᠣᠭᠲᠠᠭᠠᠯᠲᠠ ᠶᠢ ᠣᠯᠬᠤ ᠶᠢ ᠨᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ | ᠬᠢᠨᠠᠯᠲᠠ ᠲᠠᠯᠪᠢᠬᠤ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠥᠬᠡᠬᠤᠲᠠ ᠪᠣᠭᠤᠮᠲᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ | ᠠᠵᠤ ᠠᠬᠤᠢ ᠪᠠ ᠮᠡᠳᠡᠭᠡ ᠵᠠᠩᠭᠢᠴᠢᠯᠠᠯᠲᠠ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ᠭᠤᠷᠪᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠣᠯᠣᠨ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠨ᠎ᠠ᠃ ᠡᠯ᠎ᠡ ᠭᠠᠵᠠᠷ ᠤᠨ ᠬᠢᠨ ᠨᠢ ᠶᠠᠰᠤ ᠴᠢᠨᠠᠷ ᠤᠨ ᠭᠡᠷᠡᠴᠢᠯᠡᠭᠡ ᠶᠢᠨ ᠰᠢᠰᠲ᠋ᠧᠮ ᠤᠨ | ᠪᠦᠲᠦᠭᠡᠨ ᠪᠠᠶᠢᠭᠤᠯᠤᠯᠲᠠ ᠶᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠤ ᠪᠠᠨ ᠣᠷᠣᠭᠤᠯᠤᠨ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠲᠥᠯᠥᠪᠵᠢᠭᠦᠯᠭᠡ ᠳᠤ ᠣᠷᠣᠭᠤᠯᠵᠤ᠂ ᠠᠵᠢᠯ ᠤᠨ ᠲᠥᠰᠥᠯ ᠲᠣᠭᠲᠠᠭᠠᠨ᠂ ᠲᠥᠬᠦᠷ ᠲᠥᠷᠥ ᠶᠢᠨ ᠪᠣᠳᠣᠯᠭ᠎ᠠ ᠪᠠᠨ ᠲᠡᠭᠦᠯᠳᠡᠷᠵᠢᠭᠦᠯᠵᠦ᠂ ᠨᠢᠭᠡᠳᠦᠯᠲᠡᠢ | ᠲᠥᠯᠥᠪᠵᠢᠭᠦᠯᠦᠨ ᠵᠣᠬᠢᠴᠠᠭᠤᠯᠬᠤ ᠪᠠ ᠶᠡᠷᠦᠩᠬᠡᠶᠢᠯᠡᠨ ᠬᠠᠮᠢᠶᠠᠷᠬᠤ ᠶᠢ ᠪᠥᠬᠦ ᠲᠠᠯ᠎ᠠ ᠪᠠᠷ ᠴᠢᠩᠭᠠᠳᠬᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠲᠤᠰ ᠲᠥᠰᠥᠯ ᠳᠠᠬᠢ ᠡᠭᠦᠷᠭᠡ ᠠᠵᠢᠯ ᠤᠨ ᠬᠤᠪᠢᠶᠠᠷᠢᠯᠠᠯ ᠶᠣᠰᠣᠭᠠᠷ ᠠᠵᠢᠯ ᠤᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠂ ᠡᠯ᠎ᠡ ᠵᠦᠢᠯ ᠤᠨ ᠡᠭᠦᠷᠭᠡ ᠶᠢᠨ ᠪᠦᠲᠦᠮᠵᠢᠲᠡᠢ ᠨᠠᠶᠢᠳᠠᠪᠤᠷᠢᠵᠢᠭᠤᠯᠤᠭᠳᠠᠬᠤ ᠶᠢ ᠠᠬᠢᠭᠤᠯᠬᠤ ᠬᠡᠷᠡᠭᠲᠡᠢ᠃ | ︵ᠬᠤᠶᠠᠷ︶ ᠶᠡᠷᠦᠩᠬᠡᠶᠢᠯᠡᠨ ᠪᠠᠲᠤᠯᠠᠬᠤ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠠᠷᠭ᠎ᠠ ᠬᠡᠮᠵᠢᠶ᠎ᠡ | ᠠᠷᠭ᠎ᠠ ᠪᠠᠷᠢᠯ ᠲᠣᠭᠲᠠᠭᠠᠨ᠂ ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ᠂ ᠨᠥᠬᠦᠴᠡᠯ ᠳᠤ ᠨᠡᠶᠢᠴᠡᠭᠰᠡᠨ ᠪᠠᠶᠢᠴᠠᠭᠠᠨ ᠰᠢᠯᠭᠠᠵᠤ ᠪᠠᠶᠢᠴᠠᠭᠠᠨ | ᠰᠢᠨᠵᠢᠬᠦ ᠭᠡᠷᠡᠴᠢᠯᠡᠭᠡ ᠶᠢᠨ ᠪᠠᠶᠢᠭᠤᠯᠤᠮᠵᠢ ᠨᠢ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠮᠠᠭᠠᠳᠯᠠᠨ ᠲᠣᠭᠲᠠᠭᠠᠯᠭᠠᠬᠤ ᠪᠠ ᠵᠠᠬ᠎ᠠ ᠳᠡᠯᠭᠡᠭᠦᠷ ᠲᠤ | ᠭᠠᠷᠬᠤ ᠶᠢ ᠳᠡᠮᠵᠢᠬᠦ ᠬᠡᠷᠡᠭᠲᠡᠢ︔ ᠠᠵᠤ ᠦᠢᠯᠡᠰ ᠪᠥᠭᠡᠮᠨᠡᠷᠡᠭᠰᠡᠨ ᠭᠠᠵᠠᠷ ᠣᠷᠣᠨ ᠳᠠᠬᠢ ᠡᠯ᠎ᠡ ᠲᠥᠷᠥᠯ ᠤᠨ ᠥᠮᠴᠢᠯᠡᠯᠲᠦ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ 365赢多少钱会被限额_国内有真正的365平台吗_365bet博彩官网 | ᠭᠡᠷᠡᠴᠢᠯᠡᠭᠡ ᠶᠢᠨ ᠪᠠᠶᠢᠭᠤᠯᠤᠮᠵᠢ ᠶᠢ ᠳᠡᠮᠵᠢᠵᠦ ᠪᠠᠶᠢᠭᠠᠳ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠪᠠᠶᠢᠴᠠᠭᠠᠨ ᠰᠢᠯᠭᠠᠬᠤ ᠲᠥᠪ ᠪᠠᠶᠢᠭᠤᠯᠬᠤ ᠬᠡᠷᠡᠭᠲᠡᠢ︔ | ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠪᠠᠶᠢᠭᠤᠯᠤᠮᠵᠢ ᠶᠢᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠣᠷᠣᠭᠤᠯᠤᠨ ᠠᠪᠴᠢᠷᠠᠬᠤ ᠪᠠ | ᠬᠥᠮᠥᠵᠢᠭᠦᠯᠬᠦ ᠶᠢ ᠳᠡᠮᠵᠢᠬᠦ ᠬᠡᠷᠡᠭᠲᠡᠢ︔ ᠣᠷᠣᠨ ᠤ ᠳᠣᠲᠣᠷᠠᠬᠢ ᠳᠡᠭᠡᠳᠦ ᠰᠤᠷᠭᠠᠭᠤᠯᠢ ᠶᠢᠨ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠬᠠᠮᠢᠶ᠎ᠠ | ᠪᠦᠬᠦᠢ ᠬᠢᠴᠢᠶᠡᠯ ᠰᠢᠨᠵᠢᠯᠡᠭᠡᠨ ᠤ ᠲᠤᠰᠬᠠᠢ ᠮᠡᠷᠭᠡᠵᠢᠯ ᠪᠠᠶᠢᠷᠢᠯᠠᠭᠤᠯᠬᠤ ᠶᠢ ᠳᠡᠮᠵᠢᠬᠦ ᠬᠡᠷᠡᠭᠲᠡᠢ︔ ᠶᠠᠰᠤ ᠴᠢᠨᠠᠷ ᠤᠨ ᠭᠡᠷᠡᠴᠢᠯᠡᠭᠡ ᠶᠢᠨ ᠰᠢᠰᠲ᠋ᠧᠮᠵᠢ ᠶᠢᠨ | ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠬᠡᠷᠡᠭᠲᠡᠢ᠃ | ︵ᠭᠤᠷᠪᠠ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ᠃ ᠰᠣᠨᠢᠨ ᠮᠡᠳᠡᠭᠡᠨ ᠤ ᠵᠠᠭᠤᠴᠢᠯᠠᠭᠤᠷ᠂ ᠰᠦᠯᠵᠢᠶᠡᠨ ᠤ ᠰᠢᠨ᠎ᠡ ᠵᠠᠭᠤᠴᠢᠯᠠᠭᠤᠷ | ᠵᠡᠷᠭᠡ ᠣᠯᠠᠨ ᠵᠦᠢᠯ ᠤᠨ ᠤᠯᠠᠮᠵᠢᠯᠠᠨ ᠨᠡᠪᠲᠡᠷᠡᠭᠦᠯᠬᠦ ᠠᠷᠭ᠎ᠠ ᠬᠡᠯᠪᠡᠷᠢ ᠶᠢ ᠭᠦᠢᠴᠡᠳ ᠠᠰᠢᠭᠯᠠᠨ᠂ ᠶᠠᠰᠤ ᠴᠢᠨᠠᠷ ᠤᠨ ᠰᠣᠶᠣᠯ ᠢ ᠪᠠᠳᠠᠷᠠᠭᠠᠵᠤ᠂ ᠤᠯᠤᠰ ᠪᠣᠯᠣᠨ | ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠤᠨ ᠭᠡᠷᠡᠴᠢᠯᠡᠭᠡ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠤᠬᠠᠭᠤᠯᠤᠨ᠂ ᠶᠠᠰᠤ ᠴᠢᠨᠠᠷ ᠤᠨ ᠲᠡᠷᠢᠭᠦᠨ ᠤ ᠬᠠᠮᠢᠶᠠᠷᠤᠯᠲᠠ ᠶᠢᠨ ᠠᠷᠭ᠎ᠠ ᠶᠢ ᠤᠯᠠᠮᠵᠢᠯᠠᠨ ᠳᠠᠮᠵᠢᠭᠤᠯᠵᠤ᠂ ᠶᠠᠰᠤ ᠴᠢᠨᠠᠷ ᠤᠨ ᠭᠡᠷᠡᠴᠢᠯᠡᠭᠡ ᠶᠢᠨ ᠮᠡᠳᠡᠯᠭᠡ ᠶᠢ | ᠲᠥᠬᠡᠮᠡᠯᠵᠢᠭᠦᠯᠦᠨ᠂ ᠶᠠᠰᠤ ᠴᠢᠨᠠᠷ ᠤᠨ ᠭᠡᠷᠡᠴᠢᠯᠡᠭᠡ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠶᠠᠰᠤ ᠴᠢᠨᠠᠷ ᠤᠨ ᠪᠥᠬᠦ ᠲᠠᠯ᠎ᠠ ᠶᠢᠨ | ᠬᠠᠮᠢᠶᠠᠷᠤᠯᠲᠠ ᠶᠢ ᠠᠬᠢᠭᠤᠯᠤᠭᠰᠠᠨ ᠡᠯᠪᠡᠭ ᠦᠢᠯᠡᠳᠦᠯᠭᠡ᠂ ᠢᠳᠡᠪᠬᠢᠲᠡᠢ ᠠᠮᠵᠢᠯᠲᠠ᠂ ᠲᠡᠷᠢᠭᠦᠨ ᠤ ᠨᠡᠶᠢᠲᠡᠯᠢᠭ ᠢ ᠭᠦᠨᠵᠡᠭᠡᠶᠢᠷᠡᠨ ᠮᠡᠳᠡᠭᠡᠯᠡᠵᠦ᠂ ᠶᠠᠰᠤ ᠴᠢᠨᠠᠷ ᠤᠨ | ᠭᠡᠷᠡᠴᠢᠯᠡᠭᠡ ᠣᠯᠣᠭᠰᠠᠨ ᠠᠵᠤ ᠠᠬᠤᠶᠢᠯᠠᠯ ᠤᠨ ᠲᠤᠷᠰᠢᠯᠭ᠎ᠠ ᠶᠢ ᠳᠡᠯᠭᠡᠷᠡᠭᠦᠯᠦᠨ᠂ ᠬᠡᠷᠡᠭᠯᠡᠭᠡ ᠶᠢ ᠵᠣᠬᠢᠰᠲᠠᠢ ᠬᠥᠲᠥᠯᠥᠨ ᠵᠢᠯᠣᠭᠤᠳᠴᠤ᠂ ᠵᠠᠬ᠎ᠠ ᠳᠡᠯᠭᠡᠭᠦᠷ ᠤᠨ | ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠤᠷᠮᠠᠰᠢᠭᠤᠯᠤᠨ ᠬᠥᠭᠵᠢᠭᠡᠬᠦ ᠬᠡᠷᠡᠭᠲᠡᠢ᠃ | ︵ᠳᠥᠷᠪᠡ︶ ᠰᠢᠮᠳᠠᠭᠤᠯᠤᠨ ᠪᠠᠶᠢᠴᠠᠭᠠᠵᠤ ᠨᠠᠶᠢᠳᠠᠪᠤᠷᠢᠵᠢᠭᠤᠯᠬᠤ ᠶᠢ ᠴᠢᠩᠭᠠᠷᠠᠭᠤᠯᠤᠨ᠎ᠠ᠃ ᠡᠯ᠎ᠡ ᠭᠠᠵᠠᠷ ᠣᠷᠣᠨ ᠤ ᠬᠢᠨ ᠶᠠᠰᠤ ᠴᠢᠨᠠᠷ ᠤᠨ ᠭᠡᠷᠡᠴᠢᠯᠡᠭᠡ ᠶᠢᠨ | ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠶᠠᠰᠤ ᠴᠢᠨᠠᠷ ᠤᠨ ᠠᠵᠢᠯ ᠤᠨ ᠰᠢᠯᠭᠠᠨ ᠬᠢᠨᠠᠬᠤ ᠴᠢᠬᠤᠯᠠ ᠠᠭᠤᠯᠭ᠎ᠠ ᠳᠤ ᠣᠷᠣᠭᠤᠯᠤᠨ᠂ ᠶᠠᠰᠤ ᠴᠢᠨᠠᠷ ᠤᠨ | ᠭᠡᠷᠡᠴᠢᠯᠡᠭᠡ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ᠂ ᠶᠠᠰᠤ ᠴᠢᠨᠠᠷ ᠤᠨ ᠪᠥᠬᠦ ᠲᠠᠯ᠎ᠠ ᠶᠢᠨ ᠬᠠᠮᠢᠶᠠᠷᠤᠯᠲᠠ ᠶᠢ ᠠᠬᠢᠭᠤᠯᠬᠤ ᠡᠯ᠎ᠡ | ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠪᠣᠳᠠᠲᠠᠶᠢᠵᠢᠨ ᠨᠠᠶᠢᠳᠠᠪᠤᠷᠢᠵᠢᠭᠤᠯᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠰᠢᠮᠳᠠᠭᠤᠯᠵᠤ | ᠪᠠᠶᠢᠴᠠᠭᠠᠬᠤ ᠶᠢ ᠴᠢᠩᠭᠠᠷᠠᠭᠤᠯᠤᠨ᠂ ᠪᠣᠳᠠᠲᠠᠢ ᠠᠵᠢᠯ ᠳᠤ ᠲᠣᠬᠢᠶᠠᠯᠳᠤᠭᠰᠠᠨ ᠬᠦᠴᠢᠷᠳᠡᠯ ᠪᠣᠯᠣᠨ ᠠᠰᠠᠭᠤᠳᠠᠯ ᠢ ᠬᠢᠨᠠᠮᠠᠭᠠᠢ ᠰᠤᠳᠤᠯᠤᠨ ᠰᠢᠢᠳᠪᠦᠷᠢᠯᠡᠵᠦ᠂ ᠤᠷᠲᠤ | ᠬᠤᠭᠤᠴᠠᠭᠠᠨ ᠤ ᠪᠦᠲᠦᠮᠵᠢᠲᠡᠢ ᠠᠵᠢᠯ ᠤᠨ ᠲᠣᠭᠲᠠᠴᠠ ᠪᠠᠶᠢᠭᠤᠯᠬᠤ ᠶᠢ ᠠᠬᠢᠭᠤᠯᠬᠤ ᠬᠡᠷᠡᠭᠲᠡᠢ᠃ ᠶᠠᠰᠤ ᠴᠢᠨᠠᠷ ᠤᠨ ᠭᠡᠷᠡᠴᠢᠯᠡᠭᠡ ᠶᠢᠨ ᠠᠵᠢᠯ ᠢ ᠶᠠᠰᠤ ᠴᠢᠨᠠᠷ ᠢᠶᠠᠷ | ᠣᠷᠣᠨ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭᠠᠨ ᠥᠷᠨᠢᠭᠦᠯᠬᠦ ᠶᠢᠨ ᠴᠢᠬᠤᠯᠠ ᠠᠷᠭ᠎ᠠ ᠬᠢᠳᠡᠯ | ᠪᠣᠯᠭᠠᠨ᠂ ᠠᠬᠢᠭᠤᠯᠬᠤ ᠡᠷᠴᠢᠮ ᠢᠶᠠᠨ ᠴᠢᠩᠭᠠᠳᠬᠠᠵᠤ᠂ ᠶᠠᠰᠤ ᠴᠢᠨᠠᠷ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠥᠪᠡᠷᠲᠡᠭᠡᠨ | ᠵᠠᠰᠠᠬᠤ ᠣᠷᠣᠨ ᠤ ᠠᠵᠤ ᠠᠬᠤᠢ ᠶᠢᠨ ᠴᠢᠨᠠᠷᠵᠢᠭᠤᠨ ᠬᠥᠭᠵᠢᠬᠦ ᠶᠢ ᠠᠬᠢᠭᠤᠯᠬᠤ ᠬᠡᠷᠡᠭᠲᠡᠢ᠃ |