ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ | ᠭᠡᠷ ᠤᠨ ᠮᠡᠳᠡᠭᠡ ᠶᠢ ᠦᠨᠳᠦᠰᠦᠯᠡᠪᠡᠯ᠂ ᠥᠪᠥᠷ ᠮᠣᠩᠭᠤᠯ ᠤᠨ ᠥᠷᠨᠢᠭᠦᠯᠦᠭᠰᠡᠨ ︽ᠲᠥᠪ ᠤᠨ ᠨᠠᠶᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ | ᠳᠣᠪᠤᠶᠢᠮ᠎ᠠ ᠠᠰᠠᠭᠤᠳᠠᠯ︾ ᠤᠨ ᠲᠤᠰᠬᠠᠶ ᠴᠡᠭᠴᠡᠯᠡᠨ ᠵᠠᠰᠠᠯᠲᠠ ᠶᠢᠨ ᠦᠷ᠎ᠡ ᠪᠦᠲᠦᠮᠵᠢ ᠢᠯᠡᠳᠲᠡ ᠪᠠᠶᠢᠵᠤ᠂ ᠡᠨᠡ ᠵᠢᠯ ᠤᠨ 1 — 8 ᠳ᠋ᠤᠭᠠᠷ ᠰᠠᠷ᠎ᠠ ᠳᠤ | ᠲᠥᠪ ᠤᠨ ᠨᠠᠶᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ 369 ᠠᠰᠠᠭᠤᠳᠠᠯ ᠢ ᠪᠠᠶᠢᠴᠠᠭᠠᠨ ᠰᠢᠶᠳᠪᠦᠷᠢᠯᠡᠪᠡ᠃ | 15 ᠤ ᠡᠳᠦᠷ ᠪᠣᠯᠣᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ | ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ | ᠤᠨ ᠪᠠᠶᠢᠩᠭᠤ ᠶᠢᠨ ᠳᠡᠳ᠋ ᠡᠷᠬᠢᠯᠡᠭᠴᠢ ᠰᠦᠨ ᠬᠤᠩ ᠮᠧᠶ ᠶᠢᠨ ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠠᠵᠢᠯ ᠥᠷᠨᠢᠭᠦᠯᠬᠦ ᠶᠠᠪᠤᠴᠠ ᠳᠤ᠂ | ︽ᠲᠥᠪ ᠤᠨ ᠨᠠᠶᠮᠠᠨ ᠲᠣᠭᠲᠠᠭᠠᠯ ᠤᠨ ᠵᠣᠷᠢᠭ ᠰᠠᠨᠠᠭ᠎ᠠ ᠠᠴᠠ ᠵᠥᠷᠢᠴᠡᠭᠰᠡᠨ ᠳᠣᠪᠤᠶᠢᠮ᠎ᠠ ᠠᠰᠠᠭᠤᠳᠠᠯ︾ ᠢ ᠲᠤᠰᠬᠠᠶ ᠴᠡᠭᠴᠡᠯᠡᠨ ᠵᠠᠰᠠᠬᠤ ᠪᠠ ︽ᠬᠡᠯᠪᠡᠷᠢᠴᠢ ᠦᠵᠡᠯ | ᠨᠣᠶᠠᠨᠴᠢ ᠰᠤᠷᠲᠠᠯ ᠢ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ︾ ᠲᠤᠰᠬᠠᠶ ᠴᠡᠭᠴᠡᠯᠡᠨ ᠵᠠᠰᠠᠯᠲᠠ ᠶᠢ | ᠥᠷᠨᠢᠭᠦᠯᠪᠡ᠃ | ᠡᠨᠡ ᠵᠢᠯ ᠠᠴᠠ ᠨᠠᠭᠠᠰᠢ ᠪᠥᠬᠦ ᠣᠷᠣᠨ ᠳᠤ ᠲᠥᠪ ᠤᠨ ᠨᠠᠶᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ 369 ᠠᠰᠠᠭᠤᠳᠠᠯ ᠢ | ᠪᠠᠶᠢᠴᠠᠭᠠᠨ ᠰᠢᠶᠳᠪᠦᠷᠢᠯᠡᠵᠦ᠂ 403 ᠬᠥᠮᠦᠨ ᠳᠤ ᠨᠠᠮ ᠤᠨ ᠰᠠᠬᠢᠯᠭ᠎ᠠ ᠪᠠᠲᠤ ᠵᠠᠰᠠᠭ ᠤᠨ ᠰᠠᠬᠢᠯᠭ᠎ᠠ ᠪᠠᠲᠤ ᠶᠢᠨ ᠰᠢᠢᠳᠬᠡᠯ ᠥᠭᠪᠡ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠠᠵᠢᠯ ᠤᠨ ᠰᠠᠯᠠᠭ᠎ᠠ ᠮᠥᠴᠢᠷ ᠤᠨ ᠲᠠᠷᠬᠠᠭᠠᠬᠤ ᠪᠢᠴᠢᠭ ᠮᠠᠲ᠋ᠧᠷᠢᠶᠠᠯ ᠤᠨ ᠲᠤᠭ᠎ᠠ ᠶᠢ ᠠᠳᠠᠯᠢ | ᠬᠤᠭᠤᠴᠠᠭᠠᠨ ᠤ ᠬᠢ ᠠᠴᠠ ᠶᠡᠭᠡ ᠪᠠᠷ ᠴᠣᠮᠬᠠᠳᠬᠠᠪᠠ᠃ ᠲᠤᠰᠬᠠᠶ ᠴᠡᠭᠴᠡᠯᠡᠨ ᠵᠠᠰᠠᠬᠤ ᠶᠢ ᠥᠷᠨᠢᠭᠦᠯᠬᠦ ᠪᠠᠷ ᠳᠠᠮᠵᠢᠭᠤᠯᠤᠨ᠂ ᠪᠦᠬᠦ ᠣᠷᠣᠨ ᠤ ᠺᠠᠳ᠋ᠷ ᠤᠨ ᠠᠵᠢᠯ 365赢多少钱会被限额_国内有真正的365平台吗_365bet博彩官网 | ᠤᠨ ᠰᠤᠷᠲᠠᠯ ᠢ ᠤᠯᠠᠮ ᠨᠢᠭᠡ ᠠᠯᠬᠤᠮ ᠬᠤᠪᠢᠷᠠᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠬᠤ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠥᠭᠡᠷᠡᠴᠢᠯᠡᠯᠲᠡ ᠬᠢᠵᠦ ᠬᠥᠭᠵᠢᠭᠦᠯᠬᠦ ᠲᠣᠭᠲᠠᠭᠤᠨ ᠪᠠᠶᠢᠯᠭᠠᠬᠤ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠬᠦᠴᠦᠲᠡᠶ ᠲᠦᠯᠬᠢᠨ ᠠᠬᠢᠭᠤᠯᠤᠭᠰᠠᠨ ᠪᠠ ᠪᠠᠲᠤᠯᠠᠪᠠ᠃ | ᠡᠭᠦᠨ ᠠᠴᠠ ᠭᠠᠳᠠᠨ᠎ᠠ᠂ ᠥᠪᠥᠷ ᠮᠣᠩᠭᠤᠯ ᠣᠯᠠᠨ ᠲᠦᠮᠡᠨ ᠤ ᠰᠡᠳᠬᠢᠯ ᠵᠣᠪᠠᠵᠤ ᠪᠤᠬᠢᠨᠢᠳᠤᠵᠤ ᠪᠠᠶᠢᠭ᠎ᠠ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ | ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠪᠠ᠃ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠠᠰᠠᠭᠤᠳᠠᠯ ᠢ | ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠰᠢᠶᠳᠪᠦᠷᠢᠯᠡᠬᠦ ᠶᠢ ᠬᠦᠴᠦᠲᠡᠢ ᠲᠦᠯᠬᠢᠨ ᠠᠬᠢᠭᠤᠯᠪᠠ᠃ ︽ | ᠥᠪᠥᠷ ᠮᠣᠩᠭᠤᠯ ᠤᠨ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠬᠤ ᠲᠣᠮᠣ ᠳ᠋ᠠᠶᠢᠲ᠋ᠠ ᠶᠢᠨ ᠲᠠᠪᠴᠠᠩ︾ ᠢ ᠨᠡᠭᠡᠭᠡᠨ ᠬᠥᠭᠵᠢᠭᠦᠯᠵᠦ᠂ | ᠬᠥᠳᠡᠭᠡ ᠲᠣᠰᠬᠤᠨ ᠪᠠ ᠬᠤᠲᠠ ᠪᠠᠯᠭᠠᠰᠤ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠣᠭᠤᠰ ᠵᠢᠴᠢ ᠨᠤᠷᠠᠬᠤ ᠠᠶᠤᠯᠲᠠᠶ ᠭᠡᠷ ᠪᠠᠶᠢᠰᠢᠩ ᠤᠨ | ᠨᠥᠬᠦᠪᠥᠷᠢ ᠵᠣᠭᠤᠰ ᠢ ᠲᠣᠭᠲᠠᠭᠠᠯ ᠠᠴᠠ ᠵᠥᠷᠢᠴᠡᠨ ᠠᠪᠬᠤ ᠠᠰᠠᠭᠤᠳᠠᠯ ᠡᠭᠦᠰᠬᠦ ᠶᠢ ᠪᠦᠲᠦᠮᠵᠢᠲᠡᠶ ᠰᠡᠷᠭᠡᠶᠢᠯᠡᠪᠡ᠃ | ︽ᠢᠳᠡᠵᠦ ᠡᠮᠦᠰᠬᠦ ᠶᠠᠪᠤᠵᠤ ᠰᠠᠭᠤᠬᠤ︾ ᠳᠥᠷᠪᠡᠨ ᠶᠡᠭᠡ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠲᠣᠭᠲᠠᠭᠠᠯ | ᠠᠴᠠ ᠵᠥᠷᠢᠴᠡᠭᠰᠡᠨ 4500 ᠭᠠᠷᠤᠶ ᠠᠰᠠᠭᠤᠳᠠᠯ ᠢ ᠬᠡᠷᠡᠭ ᠪᠣᠯᠭᠠᠨ ᠳᠠᠩᠰᠠᠯᠠᠵᠤ ᠪᠠᠶᠢᠴᠠᠭᠠᠨ ᠰᠢᠶᠳᠪᠦᠷᠢᠯᠡᠪᠡ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠢᠯᠡᠴᠢᠯᠡᠨ ᠮᠡᠳᠡᠭᠦᠯᠬᠦ ᠬᠠᠮᠢᠶᠠᠷᠤᠯᠲᠠ ᠶᠢᠨ ᠲᠠᠪᠴᠠᠩ ᠤᠨ ᠬᠦᠯᠢᠶᠡᠨ ᠠᠪᠤᠭᠰᠠᠨ 12369 ᠢᠯᠡᠴᠢᠯᠡᠨ ᠮᠡᠳᠡᠭᠦᠯᠦᠭᠰᠡᠨ ᠬᠡᠷᠡᠭ ᠤᠨ 90% ᠶᠢ ᠨᠢ ᠨᠢᠭᠡᠨᠲᠡ | ᠰᠢᠶᠳᠪᠦᠷᠢᠯᠡᠵᠦ ᠳᠠᠭᠤᠰᠬᠠᠪᠠ᠃ ᠬᠥᠳᠡᠭᠡ ᠲᠣᠰᠬᠤᠨ ᠤ ᠵᠠᠰᠠᠮᠠᠯ ᠵᠠᠮ ᠢ 2863 ᠺᠢᠯᠣᠮᠧᠲᠷ ᠰᠢᠨ᠎ᠡ ᠪᠠᠷ ᠥᠭᠡᠷᠡᠴᠢᠯᠡᠨ ᠵᠠᠰᠠᠵᠤ᠂ ︽ᠰᠠᠭᠠᠳ ᠦᠭᠡᠢ ᠪᠤᠴᠠᠬᠤ ︾ | ᠠᠰᠠᠭᠤᠳᠠᠯ ᠢ | ᠰᠢᠶᠳᠪᠦᠷᠢᠯᠡᠪᠡ᠃ | ᠨᠢᠭᠡ ᠪᠦᠯᠦᠭ ︽ᠦᠨᠡᠮᠯᠡᠯ ᠠᠪᠬᠤ ᠳᠤ ᠬᠦᠴᠢᠷ︾᠂ ︽ᠣᠷᠣᠵᠤ ᠰᠠᠭᠤᠬᠤ ᠳᠤ ᠬᠦᠴᠢᠷ︾᠂ ︽ᠪᠤᠴᠠᠵᠤ ᠨᠡᠭᠦᠬᠦ ᠳᠤ ᠬᠦᠴᠢᠷ︾ ᠵᠡᠷᠭᠡ ᠭᠡᠷ ᠭᠠᠵᠠᠷ | ᠬᠥᠷᠥᠩᠭᠡ ᠶᠢᠨ ᠬᠦᠷᠢᠶᠡᠨ ᠳᠠᠬᠢ ᠲᠡᠦᠬᠡᠨ ᠦᠯᠡᠳᠡᠭᠳᠡᠯ ᠠᠰᠠᠭᠤᠳᠠᠯ ᠢ ᠰᠢᠶᠳᠪᠦᠷᠢᠯᠡᠪᠡ᠃ ᠢᠳᠡᠭᠡᠨ ᠪᠠ ᠡᠮ ᠤᠨ ᠵᠦᠢᠯ ᠤᠨ ᠣᠷᠴᠢᠨ ᠲᠣᠭᠤᠷᠢᠨ ᠤ ᠬᠦᠷᠢᠶᠡᠨ | ᠳᠠᠬᠢ ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ︽ᠺᠦᠨᠯᠦ᠋ᠨ︾ ᠠᠵᠢᠯᠯᠠᠭ᠎ᠠ ᠶᠢ ᠥᠷᠨᠢᠭᠦᠯᠵᠦ᠂ ᠬᠡᠯᠬᠢᠶᠡᠷᠡᠭᠰᠡᠨ ᠢᠳᠡᠭᠡᠨ ᠪᠠ ᠡᠮ ᠤᠨ | ᠵᠦᠢᠯᠡᠰ ᠤᠨ ᠬᠡᠷᠡᠭ ᠢ ᠢᠯᠡᠷᠡᠭᠦᠯᠪᠡ᠃ | ︽32 ᠦᠨᠡᠮᠯᠡᠯ ᠢ ᠨᠢᠭᠡᠳᠬᠡᠬᠦ︾ ᠶᠢ ᠬᠡᠷᠡᠭᠵᠢᠭᠦᠯᠵᠦ᠂ ︽ᠨᠢᠭᠡ ᠰᠦᠯᠵᠢᠶ᠎ᠡ ᠪᠠᠷ ᠭᠤᠶᠤᠴᠢᠯᠠᠬᠤ᠂ ᠨᠢᠭᠡ ᠴᠣᠩᠬᠤᠪᠴᠢ ᠪᠠᠷ ᠬᠦᠯᠢᠶᠡᠨ ᠠᠪᠴᠤ | ᠭᠦᠢᠴᠡᠳᠬᠡᠬᠦ᠂ ᠨᠢᠭᠡ ᠯᠡ ᠤᠳᠠᠭ᠎ᠠ ᠳᠤ ᠭᠦᠶᠴᠡᠳᠬᠡᠬᠦ ︾ ᠶᠢ ᠪᠡᠶᠡᠯᠡᠭᠦᠯᠵᠦ᠂ ᠠᠵᠤ ᠠᠬᠤᠶᠢᠯᠠᠯ ᠡᠷᠬᠢᠯᠡᠨ ᠪᠠᠶᠢᠭᠤᠯᠬᠤ ᠴᠠᠭ ᠢ ᠪᠣᠭᠤᠨᠢᠰᠬᠠᠭᠠᠳ 5 ᠠᠵᠢᠯᠯᠠᠬᠤ | ᠡᠳᠦᠷ ᠪᠣᠯᠭᠠᠵᠤ᠂ ᠠᠵᠤ ᠠᠬᠤᠶᠢᠯᠠᠯ ᠤᠨ ︽ᠵᠥᠪᠰᠢᠶᠡᠷᠡᠯ ᠢᠶᠠᠷ ᠣᠷᠣᠬᠤ ᠳᠤ ᠬᠦᠴᠢᠷᠲᠡᠢ︾ ᠪᠠᠶᠢᠬᠤ ᠠᠰᠠᠭᠤᠳᠠᠯ ᠢ ᠰᠢᠢᠳᠪᠦᠷᠢᠯᠡᠵᠡᠢ᠃ | | |