10 ᠳ᠋ᠤᠭᠠᠷ ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ 2019 ᠣᠨ ᠤ | ᠲᠦᠷᠦᠭᠦᠦ ᠭᠤᠷᠪᠠᠨ ᠤᠯᠠᠷᠢᠯ ᠤᠨ ᠥᠪᠥᠷ ᠮᠣᠩᠭᠤᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ᠃ | ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠠᠩᠬ᠎ᠠ ᠠᠯᠬᠤᠮ | ᠬᠠᠷᠭᠤᠭᠤᠯᠤᠨ ᠪᠤᠳᠤᠭᠰᠠᠨ ᠢᠶᠠᠷ᠂ ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠢ 13266.1 ᠳ᠋ᠦᠩᠰᠢᠭᠤᠷ | ᠲᠥᠭᠦᠷᠢᠭ ᠪᠡᠶᠡᠯᠡᠭᠦᠯᠵᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 5.6% ᠪᠠᠷ ᠨᠡᠮᠡᠭᠳᠡᠵᠦ᠂ ᠳᠡᠭᠡᠷ᠎ᠡ ᠬᠠᠭᠠᠰ | ᠵᠢᠯ ᠤᠨ ᠬᠢ ᠠᠴᠠ 0.1 ᠵᠠᠭᠤᠨ ᠤ ᠴᠡᠭ ᠳᠡᠭᠡᠭᠰᠢᠯᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 0.5 ᠵᠠᠭᠤᠨ ᠤ ᠴᠡᠭ ᠳᠡᠭᠡᠭᠰᠢᠯᠡᠵᠦ᠂ ᠠᠵᠤ ᠠᠬᠤᠶ | ᠶᠡᠷᠦᠩᠬᠡᠶ ᠳᠤ ᠪᠠᠨ ᠲᠣᠭᠲᠠᠭᠤᠨ ᠪᠠᠶᠢᠵᠤ᠂ ᠴᠢᠨᠠᠷ ᠰᠠᠶᠢᠲᠠᠶ ᠬᠥᠭᠵᠢᠯᠲᠡ ᠲᠣᠭᠲᠠᠭᠤᠨ ᠢᠶᠠᠷ ᠠᠬᠢᠪᠠ᠃ | ᠲᠦᠷᠦᠭᠦᠦ ᠭᠤᠷᠪᠠᠨ ᠤᠯᠠᠷᠢᠯ ᠳᠤ᠂ ᠪᠥᠬᠦ ᠣᠷᠣᠨ ᠤ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 672.7 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 1.6 % ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 5392.0 ᠳ᠋ᠦᠩᠰᠢᠭᠤᠷ ᠲᠥᠭᠦᠷᠢᠭ ᠲᠤ | ᠬᠦᠷᠴᠦ᠂ 6.8% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 7201.4 ᠳ᠋ᠦᠩᠰᠢᠭᠤᠷ ᠲᠥᠭᠦᠷᠢᠭ ᠲᠤ ᠬᠦᠷᠴᠦ᠂ 5.0% ᠪᠠᠷ | ᠨᠡᠮᠡᠭᠳᠡᠪᠡ᠃ ᠡᠭᠦᠨ ᠳᠤ᠂ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠤᠨ GDP ᠳᠤ ᠡᠵᠡᠯᠡᠬᠦ ᠬᠤᠪᠢ ᠶᠢᠨ ᠵᠢᠩ ᠬᠠᠭᠠᠰ ᠠᠴᠠ ᠳᠡᠭᠡᠭᠰᠢ ᠪᠣᠯᠵᠤ᠂ | 54.3 % ᠳᠤ ᠬᠦᠷᠪᠡ᠂ GDP ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 48.0% ᠳᠤ ᠬᠦᠷᠴᠦ᠂ GDP ᠶᠢᠨ ᠨᠡᠮᠡᠭᠳᠡᠯ ᠢ 2.7 | ᠵᠠᠭᠤᠨ ᠤ ᠴᠡᠭ ᠬᠦᠲᠦᠯᠦᠨ ᠠᠬᠢᠭᠤᠯᠪᠠ᠃ | ᠠᠮᠤ ᠪᠤᠳᠠᠭᠠᠨ ᠤ ᠦᠶᠯᠡᠳᠪᠦᠷᠢᠯᠡᠯ ᠶᠡᠷᠦᠩᠬᠡᠶ ᠳᠤ ᠪᠠᠨ ᠨᠡᠯᠢᠶᠡᠳ ᠰᠠᠶᠢᠨ ᠪᠠᠶᠢᠨ᠎ᠠ᠃ ᠲᠦᠷᠦᠭᠦᠦ ᠭᠤᠷᠪᠠᠨ ᠤᠯᠠᠷᠢᠯ ᠳᠤ᠂ ᠲᠠᠷᠢᠮᠠᠯ ᠤᠨ ᠦᠢᠯᠡᠰ ᠤᠨ | ᠨᠡᠮᠡᠭᠳᠡᠯ ᠥᠷᠳᠡᠭ ᠠᠳᠠᠯᠢ ᠬᠤᠭᠤᠴᠠᠭᠠᠨ ᠤ ᠬᠢ ᠠᠴᠠ 4.1% ᠪᠠᠷ ᠨᠡᠮᠡᠭᠳᠡᠵᠦ᠂ ᠠᠮᠤ ᠪᠤᠳᠠᠭᠠᠨ ᠤ ᠲᠠᠷᠢᠬᠤ ᠲᠠᠯᠠᠪᠠᠢ ᠦᠷᠭᠦᠯᠵᠢᠯᠡᠨ 1 ᠳ᠋ᠦᠩᠰᠢᠭᠤᠷ ᠮᠦ ᠠᠴᠠ | ᠳᠡᠭᠡᠭᠰᠢ ᠪᠠᠶᠢᠬᠤ ᠶᠢ ᠪᠠᠲᠤᠯᠠᠵᠤ᠂ ᠡᠷᠳᠡᠨᠢ ᠰᠢᠰᠢ᠂ ᠰᠢᠷ᠎ᠠ ᠪᠤᠷᠴᠠᠭ᠂ ᠤᠰᠤᠨ ᠲᠤᠲᠤᠷᠭ᠎ᠠ᠂ ᠡᠯᠳᠡᠪ ᠠᠮᠤ᠂ ᠢᠳᠡᠰᠢᠨ ᠨᠣᠭᠤᠭ᠎ᠠ ᠭᠤᠸ᠎ᠠ ᠵᠢᠮᠢᠰ ᠤᠨ ᠲᠠᠯᠠᠪᠠᠢ | ᠨᠡᠮᠡᠭᠳᠡᠪᠡ᠃ ᠮᠠᠯ ᠠᠵᠤ ᠠᠬᠤᠢ ᠶᠢᠨ ᠲᠠᠯ᠎ᠠ ᠪᠠᠷ᠂ ᠪᠥᠬᠦ ᠣᠷᠣᠨ ᠤ ᠭᠠᠭ᠋ᠠᠶ ᠦᠬᠡᠷ ᠬᠤᠨᠢ ᠵᠢᠭᠦᠷᠲᠡᠨ ᠤ ᠮᠢᠬᠠᠨ ᠤ ᠭᠠᠷᠤᠯᠲᠠ 170.8 ᠲᠦᠮᠡᠨ ᠲᠣᠨ ᠳᠤ ᠬᠦᠷᠴᠦ | ᠂ ᠠᠳᠠᠯᠢ ᠬᠤᠭᠤᠴᠠᠭᠠᠨ ᠤ ᠬᠢ ᠠᠴᠠ 3.9 % ᠪᠠᠷ ᠪᠠᠭᠤᠷᠠᠪᠠ᠃ | ᠠᠵᠤ ᠦᠶᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠪᠠᠶᠢᠬᠤ ᠶᠢᠨ ᠵᠡᠷᠭᠡ ᠳᠤ ᠨᠡᠮᠡᠭᠳᠡᠵᠦ᠂ ᠠᠵᠤ ᠦᠶᠯᠡᠳᠪᠦᠷᠢ ᠶᠢᠨ ᠪᠦᠲᠦᠴᠡ ᠲᠠᠰᠤᠷᠠᠯᠲᠠ ᠦᠭᠡᠢ | ᠰᠢᠯᠢᠳᠡᠭᠵᠢᠪᠡ᠃ ᠪᠦᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.7% ᠪᠠᠷ | ᠨᠡᠮᠡᠭᠳᠡᠵᠦ᠂ ᠳᠡᠭᠡᠷ᠎ᠡ ᠬᠠᠭᠠᠰ ᠵᠢᠯ ᠤᠨ ᠬᠢ ᠠᠴᠠ 0.6 ᠵᠠᠭᠤᠨ ᠤ ᠴᠡᠭ ᠳᠡᠭᠡᠭᠰᠢᠯᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 1.7 ᠵᠠᠭᠤᠨ ᠤ ᠴᠡᠭ | ᠳᠡᠭᠡᠭᠰᠢᠯᠡᠪᠡ᠃ ᠳᠤᠤᠷᠠᠬᠢ ᠭᠤᠷᠪᠠᠨ ᠶᠡᠭᠡ ᠲᠦᠷᠦᠯ ᠠᠴᠠ ᠦᠵᠡᠪᠡᠯ᠂ ᠠᠭᠤᠷᠬᠠᠶ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6. | 9% ᠪᠠᠷ ᠨᠡᠮᠡᠭᠳᠡᠵᠦ᠂ ᠦᠶᠯᠡᠳᠬᠦ ᠦᠶᠯᠡᠰ ᠤᠨ ᠬᠢ 10.1 % ᠪᠠᠷ ᠨᠡᠮᠡᠭᠳᠡᠵᠦ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠢ ᠵᠢᠴᠢ | ᠤᠰᠤᠨ ᠤ ᠦᠶᠯᠡᠳᠪᠦᠷᠢᠯᠡᠯ ᠪᠠ ᠬᠠᠩᠭᠠᠯᠭ᠎ᠠ ᠶᠢᠨ ᠦᠶᠯᠡᠰ ᠤᠨ ᠬᠢ 5.7% ᠪᠠᠷ ᠨᠡᠮᠡᠭᠳᠡᠵᠡᠶ᠃ | ᠪᠡᠯᠡ ᠣᠷᠣᠭᠤᠯᠤᠯᠲᠠ ᠶᠢᠨ ᠨᠡᠮᠡᠭᠳᠡᠯ ᠢ ᠪᠠᠲᠤᠯᠠᠪᠠ᠃ ᠪᠥᠬᠦ ᠣᠷᠣᠨ ᠤ 500 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠶᠯ ᠤᠨ ᠲᠣᠭᠲᠠᠮᠠᠯ | ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 4.8% ᠪᠠᠷ ᠨᠡᠮᠡᠭᠳᠡᠵᠦ᠂ ᠳᠡᠭᠡᠷ᠎ᠡ ᠬᠠᠭᠠᠰ ᠵᠢᠯ ᠤᠨ ᠬᠢ ᠠᠴᠠ 4.4 ᠵᠠᠭᠤᠨ ᠤ ᠴᠡᠭ | ᠳᠡᠭᠡᠭᠰᠢᠯᠡᠪᠡ᠃ ᠡᠭᠦᠨ ᠳᠤ᠂ ᠠᠷᠠᠳ ᠤᠨ ᠳᠤᠮᠳᠠᠬᠢ ᠪᠡᠯᠡ ᠣᠷᠣᠭᠤᠯᠤᠯᠲᠠ 4.6% ᠪᠠᠷ ᠨᠡᠮᠡᠭᠳᠡᠵᠦ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠪᠡᠯᠡ | ᠣᠷᠣᠭᠤᠯᠤᠯᠲᠠ ᠲᠤᠭᠲᠠᠭᠤᠨ ᠤ ᠳᠤᠮᠳᠠ ᠰᠠᠶᠢᠵᠢᠷᠠᠵᠠᠶ᠃ ᠪᠥᠬᠦ ᠣᠷᠣᠨ ᠤ ᠭᠡᠷ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠠᠯᠠ ᠣᠷᠣᠭᠤᠯᠤᠯᠲᠠ 851.5 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.4 % ᠪᠠᠷ ᠨᠡᠮᠡᠭᠳᠡᠨ᠂ ᠳᠡᠭᠡᠷ᠎ᠡ ᠬᠠᠭᠠᠰ ᠵᠢᠯ ᠤᠨ ᠬᠢ ᠠᠴᠠ 8.6 ᠵᠠᠭᠤᠨ ᠤ | ᠴᠡᠭ ᠳᠡᠭᠡᠭᠰᠢᠯᠡᠪᠡ᠃ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠬᠡᠮᠵᠢᠶ᠎ᠡ 775.1 ᠳ᠋ᠦᠩᠰᠢᠭᠤᠷ ᠲᠥᠭᠦᠷᠢᠭ ᠲᠤ ᠬᠦᠷᠴᠦ᠂ 0.8 % ᠪᠠᠷ ᠨᠡᠮᠡᠭᠳᠡᠪᠡ | ᠃ | ᠲᠦᠷᠦᠭᠦᠦ ᠭᠤᠷᠪᠠᠨ ᠤᠯᠠᠷᠢᠯ ᠳᠤ᠂ ᠪᠦᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠪᠣᠷᠤᠯᠠᠭᠤᠯᠤᠭᠰᠠᠨ ᠵᠤᠭᠤᠰ 5419.3 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.0% ᠪᠠᠷ ᠨᠡᠮᠡᠭᠳᠡᠵᠦ᠂ ᠳᠡᠭᠡᠷ᠎ᠡ ᠬᠠᠭᠠᠰ ᠵᠢᠯ ᠤᠨ ᠬᠢ ᠲᠠᠢ ᠲᠡᠩᠴᠡᠪᠡ᠃ | ᠭᠠᠭ᠋ᠠᠶ ᠶᠢᠨ ᠮᠢᠬ᠎ᠠ ᠵᠡᠷᠭᠡ ᠢᠳᠡᠭᠡᠨ ᠤ ᠵᠦᠶᠯ ᠤᠨ ᠦᠨ᠎ᠡ ᠬᠠᠩᠰᠢ ᠶᠢᠨ ᠥᠰᠥᠯᠲᠡ ᠶᠢᠨ ᠨᠥᠯᠥᠭᠡ ᠠᠴᠠ ᠪᠣᠯᠵᠤ᠂ ᠪᠦᠬᠦ ᠣᠷᠣᠨ ᠤ ᠰᠠᠭᠤᠭᠠᠯᠢ ᠠᠷᠠᠳ ᠤᠨ | ᠬᠡᠷᠡᠭᠯᠡᠭᠡᠨ ᠤ ᠦᠨ᠎ᠡ ᠠᠳᠠᠯᠢ ᠬᠤᠭᠤᠴᠠᠭᠠᠨ ᠤ ᠬᠢ ᠠᠴᠠ 2.1% ᠪᠠᠷ ᠥᠰᠴᠦ᠂ ᠥᠰᠥᠯᠲᠡ ᠶᠢᠨ ᠬᠡᠮᠵᠢᠶ᠎ᠡ ᠨᠢ ᠳᠡᠭᠡᠷ᠎ᠡ ᠵᠢᠯ ᠤᠨ ᠠᠳᠠᠯᠢ | ᠬᠤᠭᠤᠴᠠᠭᠠᠨ ᠤ ᠬᠢ ᠠᠴᠠ 0.3 ᠵᠠᠭᠤᠨ ᠤ ᠴᠡᠭ ᠨᠡᠮᠡᠭᠳᠡᠭᠰᠡᠨ ᠪᠣᠯᠪᠠᠴᠤ ᠪᠦᠬᠦ ᠤᠯᠤᠰ ᠤᠨ ᠳᠤᠮᠳᠠᠴᠢ ᠬᠢᠷᠢ ᠬᠡᠮᠵᠢᠶ᠎ᠡ ᠠᠴᠠ 0.4 ᠵᠠᠭᠤᠨ ᠤ ᠴᠡᠭ ᠳᠣᠤᠷ᠎ᠠ ᠪᠣᠯᠵᠠᠶ | ᠃ ᠡᠭᠦᠨ ᠳᠤ᠂ ᠬᠤᠲᠠ ᠳᠤ 2.0% ᠢᠶᠠᠷ ᠥᠰᠴᠦ᠂ ᠮᠠᠯᠵᠢᠬᠤ ᠲᠠᠷᠢᠶᠠᠯᠠᠬᠤ ᠣᠷᠣᠨ ᠳᠤ 2.4 % ᠪᠠᠷ ᠥᠰᠪᠡ᠃ | ᠪᠦᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 22463 ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 7.5 % ᠪᠠᠷ ᠨᠡᠮᠡᠭᠳᠡᠵᠦ᠂ ᠳᠡᠭᠡᠷ᠎ᠡ ᠬᠠᠭᠠᠰ ᠵᠢᠯ ᠤᠨ ᠬᠢ ᠲᠠᠢ ᠲᠡᠩᠴᠡᠪᠡ᠃ ᠪᠠᠶᠢᠩᠭᠤ ᠰᠠᠭᠤᠭ᠎ᠠ ᠭᠠᠵᠠᠷ ᠢᠶᠠᠷ ᠬᠤᠪᠢᠶᠠᠪᠠᠯ᠂ ᠬᠤᠲᠠ | ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 30808 ᠲᠥᠭᠦᠷᠢᠭ ᠲᠤ ᠬᠦᠷᠴᠦ᠂ 6.6% ᠪᠠᠷ ᠨᠡᠮᠡᠭᠳᠡᠪᠡ︔ | ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 10153 ᠲᠥᠭᠦᠷᠢᠭ ᠲᠤ ᠬᠦᠷᠴᠦ᠂ 9.3 | % ᠪᠠᠷ ᠨᠡᠮᠡᠭᠳᠡᠵᠦ᠂ ᠳᠡᠭᠡᠷ᠎ᠡ ᠬᠠᠭᠠᠰ ᠵᠢᠯ ᠤᠨ ᠬᠢ ᠠᠴᠠ 0.4 ᠵᠠᠭᠤᠨ ᠤ ᠴᠡᠭ ᠳᠡᠭᠡᠭᠰᠢᠯᠡᠵᠦ᠂ ᠪᠦᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ | ᠪᠣᠯᠬᠤ ᠣᠷᠣᠯᠭ᠎ᠠ ᠠᠴᠠ 1.8 ᠵᠠᠭᠤᠨ ᠤ ᠴᠡᠭ ᠲᠦᠷᠭᠡᠨ ᠪᠣᠯᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠤᠯᠠᠮ ᠨᠢᠭᠡ ᠠᠯᠬᠤᠮ | ᠪᠠᠭᠠᠰᠴᠤ᠂ ᠰᠠᠭᠤᠭᠠᠯᠢ ᠠᠷᠠᠳ ᠤᠨ ᠠᠮᠢᠳᠤᠷᠠᠯ ᠤᠨ ᠬᠡᠷᠡᠭᠯᠡᠭᠡ ᠳᠡᠰ ᠳᠡᠪᠰᠢᠪᠡ᠃ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ︽ᠬᠠᠰᠤᠬᠤ ᠪᠠᠭᠤᠷᠠᠭᠤᠯᠬᠤ ᠨᠥᠬᠦᠪᠥᠷᠢᠯᠡᠬᠦ | ︾ ᠦᠷ᠎ᠡ ᠪᠦᠲᠦᠮᠵᠢ ᠣᠯᠪᠠ᠃ ᠪᠢᠴᠢᠯ ᠬᠥᠰᠢᠭᠦᠷᠭᠡ ᠶᠢᠨ ᠨᠣᠷᠮ᠎ᠠ ᠪᠠᠭᠤᠷᠠᠵᠤ᠂ 8 ᠳ᠋ᠤᠭᠠᠷ ᠰᠠᠷ᠎ᠠ ᠶᠢᠨ ᠰᠡᠭᠦᠯᠴᠢ ᠳᠤ᠂ ᠪᠥᠬᠦ ᠣᠷᠣᠨ ᠤ ᠬᠡᠪᠴᠢᠶᠡᠵᠢᠯ ᠠᠴᠠ | ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠡᠳ᠋ ᠬᠥᠷᠥᠩᠭᠡ ᠶᠢᠨ ᠥᠷᠢᠲᠦᠯ ᠤᠨ ᠨᠣᠷᠮ᠎ᠠ 61.6% ᠪᠠᠶᠢᠵᠤ᠂ ᠠᠳᠠᠯᠢ ᠬᠤᠭᠤᠴᠠᠭᠠᠨ ᠤ ᠬᠢ ᠠᠴᠠ | 2.1 ᠵᠠᠭᠤᠨ ᠤ ᠴᠡᠭ ᠪᠠᠭᠤᠷᠠᠪᠠ᠃ ᠲᠠᠸᠠᠷ ᠤᠨ ᠭᠡᠷ ᠪᠠᠶᠢᠰᠢᠩ ᠤᠨ ᠬᠥᠮᠥᠷᠭᠡ ᠶᠢᠨ ᠬᠠᠳᠠᠭᠠᠯᠠᠯᠲᠠ ᠬᠠᠰᠤᠭᠳᠠᠵᠤ᠂ 9 ᠳ᠋ᠤᠭᠡᠷ ᠰᠠᠷ᠎ᠠ ᠶᠢᠨ ᠰᠡᠭᠦᠯᠴᠢ ᠪᠠᠷ᠂ | ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠬᠤ ᠪᠠᠷ ᠪᠠᠶᠢᠭ᠎ᠠ ᠲᠠᠯᠠᠪᠠᠢ 1114.2 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠠᠳᠠᠯᠢ | ᠬᠤᠭᠤᠴᠠᠭᠠᠨ ᠤ ᠬᠢ ᠠᠴᠠ 15.4% ᠪᠠᠷ ᠪᠠᠭᠤᠷᠠᠪᠠ᠃ ᠠᠵᠤ ᠠᠬᠤᠶᠢᠯᠠᠯ ᠤᠨ ᠥᠪᠡᠷ ᠤᠨ ᠥᠷᠲᠡᠭ ᠪᠠᠭᠤᠷᠠᠪᠠ᠃ 1—8 ᠳ᠋ᠤᠭᠠᠷ ᠰᠠᠷ᠎ᠠ ᠳᠤ᠂ ᠪᠥᠬᠦ | ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠵᠠᠭᠤᠨ ᠲᠥᠭᠦᠷᠢᠭ ᠪᠦᠷᠢ ᠶᠢᠨ ᠡᠵᠡᠩᠨᠡᠯᠲᠡ ᠶᠢᠨ ᠣᠷᠣᠯᠭ᠎ᠠ ᠳᠠᠬᠢ | ᠥᠪᠡᠷ ᠤᠨ ᠥᠷᠲᠡᠭ ᠨᠢ 79.7 ᠲᠥᠭᠦᠷᠢᠭ ᠪᠠᠶᠢᠵᠤ᠂ ᠪᠥᠬᠦ ᠤᠯᠤᠰ ᠤᠨ ᠳᠤᠮᠳᠠᠴᠢ ᠬᠢᠷᠢ ᠬᠡᠮᠵᠢᠶ᠎ᠡ ᠠᠴᠠ 4.7 ᠲᠥᠭᠦᠷᠢᠭ ᠳᠣᠤᠷ᠎ᠠ ᠪᠣᠯᠪᠠ᠃ ᠳᠤᠲᠠᠭᠤᠳᠠᠯ ᠤᠨ | ᠬᠦᠷᠢᠶ᠎ᠡ ᠴᠠᠷᠠᠭᠠᠨ ᠤ ᠪᠡᠯᠡ ᠣᠷᠣᠭᠤᠯᠤᠯᠲᠠ ᠨᠡᠮᠡᠭᠳᠡᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠮᠥᠷᠭᠡᠯᠡᠯᠲᠡ ᠪᠠ ᠰᠢᠤᠳᠠᠨ ᠤ ᠦᠢᠯᠡᠰ ᠤᠨ ᠪᠡᠯᠡ ᠣᠷᠣᠭᠤᠯᠤᠯᠲᠠ᠂ | ᠠᠮᠢ ᠠᠬᠤᠢ ᠶᠢᠨ ᠬᠠᠮᠠᠭᠠᠯᠠᠯᠲᠠ ᠪᠠ ᠣᠷᠴᠢᠨ ᠲᠣᠭᠤᠷᠢᠨ ᠤ ᠵᠠᠰᠠᠯᠲᠠ ᠶᠢᠨ ᠦᠢᠯᠡᠰ ᠤᠨ ᠪᠡᠯᠡ ᠣᠷᠣᠭᠤᠯᠤᠯᠲᠠ᠂ ᠨᠡᠶᠢᠭᠡᠮ ᠤᠨ ᠬᠦᠷᠢᠶᠡᠨ ᠤ ᠪᠡᠯᠡ ᠣᠷᠣᠭᠤᠯᠤᠯᠲᠠ | ᠠᠳᠠᠯᠢ ᠬᠤᠭᠤᠴᠠᠭᠠᠨ ᠤ ᠬᠢ ᠠᠴᠠ ᠲᠣᠰ ᠲᠤᠰ 21.7%᠂ 52.4% ᠪᠠ 11.5% ᠪᠠᠷ ᠨᠡᠮᠡᠭᠳᠡᠵᠦ᠂ ᠴᠥᠮ ᠪᠦᠬᠦ ᠪᠡᠯᠡ ᠣᠷᠣᠭᠤᠯᠤᠯᠲᠠ ᠶᠢᠨ ᠨᠡᠮᠡᠭᠳᠡᠯ ᠤᠨ | ᠬᠤᠷᠳᠤᠴᠠ ᠠᠴᠠ ᠲᠦᠷᠭᠡᠨ ᠪᠣᠯᠪᠠ᠃ | ᠲᠠᠷᠠᠭᠠᠴᠢ ᠶᠢᠨ ᠱᠠᠲᠤᠨ ᠳᠤ᠂ ᠪᠥᠬᠦ ᠣᠷᠣᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ | ᠣᠷᠴᠢᠨ ᠲᠣᠭᠤᠷᠢᠨ ᠢ ᠬᠦᠴᠦᠯᠡᠨ ᠰᠢᠯᠢᠳᠡᠭᠵᠢᠭᠦᠯᠵᠦ᠂ ᠬᠤᠮᠠᠬᠢ ᠪᠡᠶᠡᠴᠢ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠢᠯ ᠣᠯᠭᠤᠯᠲᠠ ᠶᠢ | ᠲᠣᠭᠲᠠᠭᠤᠨ ᠪᠠᠶᠢᠯᠭᠠᠬᠤ᠂ ᠮᠥᠩᠭᠦᠨ ᠭᠦᠢᠯᠭᠡᠭᠡ ᠶᠢ ᠲᠣᠭᠲᠠᠭᠤᠨ ᠪᠠᠶᠢᠯᠭᠠᠬᠤ᠂ ᠭᠠᠳᠠᠭᠠᠳᠤ ᠠᠷᠠᠯᠵᠢᠶ᠎ᠠ ᠶᠢ ᠲᠣᠭᠲᠠᠭᠤᠨ ᠪᠠᠶᠢᠯᠭᠠᠬᠤ᠂ ᠭᠠᠳᠠᠭᠠᠳᠤ ᠪᠡᠯᠡ ᠶᠢ | ᠲᠣᠭᠲᠠᠭᠤᠨ ᠪᠠᠶᠢᠯᠭᠠᠬᠤ᠂ ᠪᠠᠯᠠ ᠣᠷᠣᠭᠤᠯᠤᠯᠲᠠ ᠶᠢ ᠲᠣᠭᠲᠠᠭᠤᠨ ᠪᠠᠶᠢᠯᠭᠠᠬᠤ᠂ ᠵᠢᠱᠢᠯᠲᠡ ᠶᠢ ᠲᠣᠭᠲᠠᠭᠤᠨ ᠪᠠᠶᠢᠯᠭᠠᠬᠤ ᠡᠯ᠎ᠡ ᠵᠦᠶᠯ ᠤᠨ ᠠᠵᠢᠯ ᠢ ᠬᠦᠴᠦᠯᠡᠨ | ᠰᠠᠶᠢᠲᠤᠷ ᠬᠢᠵᠦ᠂ ᠡᠯ᠎ᠡ ᠵᠦᠶᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠨᠠᠷᠢᠯᠢᠭᠵᠢᠭᠤᠯᠬᠤ ᠶᠢ ᠦᠨᠡᠨ ᠬᠦ ᠪᠠᠲᠤᠯᠠᠵᠤ᠂ ᠠᠵᠤ ᠠᠬᠤᠢ ᠶᠢᠨ | ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠬᠤ ᠶᠢ ᠠᠬᠢᠭᠤᠯᠬᠤ ᠪᠣᠯᠤᠨ᠎ᠠ᠃ |