10 ᠳ᠋ᠤᠭᠠᠷ ᠰᠠᠷ᠎ᠠ ᠶᠢᠨ ᠡᠬᠢᠨ ᠳᠤ᠂ ᠪᠥᠬᠦ ᠣᠷᠣᠨ ᠤ ᠬᠥᠳᠡᠯᠭᠡᠬᠦ ᠬᠦᠴᠦᠨ ᠤ ᠨᠡᠭᠦᠷᠡᠰᠦ ᠶᠢᠨ ᠠᠭᠤᠷᠬᠠᠢ ᠶᠢᠨ ᠠᠮᠠᠰᠠᠷ ᠤᠨ ᠦᠨ᠎ᠡ ᠬᠠᠩᠰᠢ ᠵᠢᠭᠠᠬᠠᠨ | ᠥᠰᠴᠦ᠂ ᠴᠠᠬᠢᠯᠭᠠᠨ ᠭᠠᠷᠭᠠᠬᠤ ᠨᠡᠭᠦᠷᠡᠰᠦᠨ ᠤ ᠬᠤᠳᠠᠯᠳᠤᠨ ᠠᠪᠬᠤ ᠦᠨ᠎ᠡ ᠬᠠᠩᠰᠢ ᠵᠢᠭᠠᠬᠠᠨ ᠪᠠᠭᠤᠷᠠᠪᠠ᠃ | 10 ᠳ᠋ᠤᠭᠠᠷ ᠰᠠᠷ᠎ᠠ ᠶᠢᠨ 5 ᠤ ᠡᠳᠦᠷ᠂ ᠪᠥᠬᠦ ᠣᠷᠣᠨ ᠤ ᠭᠤᠤᠯ ᠭᠠᠷᠤᠯᠲᠠ ᠶᠢᠨ ᠣᠷᠣᠨ ᠤ ᠬᠥᠳᠡᠯᠭᠡᠬᠦ ᠬᠦᠴᠦᠨ ᠤ ᠨᠡᠭᠦᠷᠡᠰᠦᠨ ᠤ ᠠᠭᠤᠷᠬᠠᠢ ᠶᠢᠨ | ᠠᠮᠠᠰᠠᠷ ᠤᠨ ᠲᠠᠰᠤᠯᠤᠨ ᠪᠣᠳᠣᠬᠤ ᠳᠤᠮᠳᠠᠴᠢ ᠦᠨ᠎ᠡ ᠬᠠᠩᠰᠢ ᠲᠣᠨ ᠪᠦᠷᠢ ᠳᠤ ᠪᠠᠨ 215.72 ᠲᠥᠭᠦᠷᠢᠭ ᠪᠣᠯᠵᠤ᠂ ᠳᠡᠭᠡᠷ᠎ᠡ ᠰᠠᠷ᠎ᠠ ᠶᠢᠨ ᠠᠳᠠᠯᠢ ᠬᠤᠭᠤᠴᠠᠭᠠᠨ ᠤ | ᠬᠢ ᠠᠴᠠ 0.09% ᠪᠠᠷ ᠵᠢᠭᠠᠬᠠᠨ ᠥᠰᠪᠡ᠃ ᠡᠭᠦᠨ ᠳᠤ᠂ ᠵᠡᠭᠦᠨ ᠬᠡᠰᠡᠭ ᠤᠨ ᠭᠠᠵᠠᠷ ᠣᠷᠣᠨ ᠤ ᠬᠦᠷᠡᠩ ᠨᠡᠭᠦᠷᠡᠰᠦᠨ ᠤ ᠠᠭᠤᠷᠬᠠᠢ ᠶᠢᠨ ᠠᠮᠠᠰᠠᠷ ᠤᠨ ᠲᠠᠰᠤᠯᠤᠨ | ᠪᠣᠳᠣᠬᠤ ᠳᠤᠮᠳᠠᠴᠢ ᠦᠨ᠎ᠡ ᠬᠠᠩᠰᠢ ᠲᠣᠨ ᠪᠦᠷᠢ ᠳᠤ ᠪᠠᠨ 191.39 ᠲᠥᠭᠦᠷᠢᠭ ᠪᠣᠯᠵᠤ᠂ ᠳᠡᠭᠡᠷ᠎ᠡ ᠰᠠᠷ᠎ᠠ ᠶᠢᠨ ᠠᠳᠠᠯᠢ ᠬᠤᠭᠤᠴᠠᠭᠠᠨ ᠤ ᠬᠢ ᠠᠴᠠ 0. | 23% ᠪᠠᠷ ᠵᠢᠭᠠᠬᠠᠨ ᠥᠰᠴᠡᠶ᠃ ᠣᠷᠳᠣᠰ ᠤᠨ ᠬᠥᠳᠡᠯᠭᠡᠬᠦ ᠬᠦᠴᠦᠨ ᠤ ᠨᠡᠭᠦᠷᠡᠰᠦ ᠶᠢᠨ ᠠᠭᠤᠷᠬᠠᠢ ᠶᠢᠨ ᠠᠮᠠᠰᠠᠷ ᠤᠨ ᠳᠤᠮᠳᠠᠴᠢ ᠲᠠᠰᠤᠯᠤᠨ ᠪᠣᠳᠣᠬᠤ ᠦᠨ᠎ᠡ | ᠬᠠᠩᠰᠢ ᠨᠢ ᠲᠣᠨ ᠪᠦᠷᠢ ᠳᠤ ᠪᠠᠨ 260 ᠲᠥᠭᠦᠷᠢᠭ ᠪᠠᠶᠢᠵᠤ᠂ ᠳᠡᠭᠡᠷ᠎ᠡ ᠰᠠᠷ᠎ᠠ ᠶᠢᠨ ᠠᠳᠠᠯᠢ ᠬᠤᠭᠤᠴᠠᠭᠠᠨ ᠤ ᠬᠢ ᠲᠠᠢ ᠪᠠᠨ ᠠᠳᠠᠯᠢᠬᠠᠨ ᠪᠠᠶᠢᠪᠠ᠃ ᠠᠳᠠᠯᠢ | ᠬᠤᠭᠤᠴᠠᠭᠠᠨ ᠤ ᠬᠢ ᠲᠠᠢ ᠠᠳᠠᠯᠢᠳᠬᠠᠪᠠᠯ᠂ ᠪᠥᠬᠦ ᠣᠷᠣᠨ ᠤ ᠬᠥᠳᠡᠯᠭᠡᠬᠦ ᠬᠦᠴᠦᠨ ᠤ ᠨᠡᠭᠦᠷᠡᠰᠦ ᠶᠢᠨ ᠠᠭᠤᠷᠬᠠᠢ ᠶᠢᠨ ᠠᠮᠠᠰᠠᠷ ᠤᠨ ᠲᠠᠰᠤᠯᠤᠨ ᠪᠣᠳᠣᠬᠤ ᠳᠤᠮᠳᠠᠴᠢ | ᠦᠨ᠎ᠡ ᠬᠠᠩᠰᠢ 1.44% ᠪᠠᠷ ᠥᠰᠴᠡᠶ᠃ | 10 ᠳ᠋ᠤᠭᠠᠷ ᠰᠠᠷ᠎ᠠ ᠶᠢᠨ 5 ᠤ ᠡᠳᠦᠷ᠂ ᠪᠥᠬᠦ ᠣᠷᠣᠨ ᠤ ᠴᠠᠬᠢᠯᠭᠠᠨ ᠭᠠᠷᠭᠠᠬᠤ ᠨᠡᠭᠦᠷᠡᠰᠦᠨ ᠤ ᠬᠤᠳᠠᠯᠳᠤᠨ ᠠᠪᠬᠤ ᠳᠤᠮᠳᠠᠴᠢ ᠦᠨ᠎ᠡ ᠲᠣᠨ ᠪᠦᠷᠢ ᠳᠤ ᠪᠠᠨ | 205.12 ᠲᠥᠭᠦᠷᠢᠭ ᠪᠠᠶᠢᠵᠤ᠂ ᠳᠡᠭᠡᠷ᠎ᠡ ᠰᠠᠷ᠎ᠠ ᠶᠢᠨ ᠠᠳᠠᠯᠢ ᠬᠤᠭᠤᠴᠠᠭᠠᠨ ᠤ ᠬᠢ ᠠᠴᠠ 0.19% ᠪᠠᠷ ᠵᠢᠭᠠᠬᠠᠨ ᠪᠠᠭᠤᠷᠠᠪᠠ︔ ᠪᠠᠷᠢᠮᠵᠢᠶᠠᠲᠤ ᠨᠡᠭᠦᠷᠡᠰᠦ ︵ | 7000 ᠲᠣᠮᠣ ᠺᠠᠷᠲ︶ ᠪᠠᠷ ᠨᠤᠭᠤᠯᠤᠨ ᠪᠤᠳᠤᠭᠰᠠᠨ ᠤ ᠳᠠᠷᠠᠭᠠᠬᠢ ᠳᠤᠮᠳᠠᠴᠢ ᠥᠷᠲᠡᠭ ᠨᠢ ᠲᠣᠨ ᠪᠦᠷᠢ 406.61 ᠲᠥᠭᠦᠷᠢᠭ ᠪᠠᠶᠢᠵᠤ᠂ ᠳᠡᠭᠡᠷ᠎ᠡ ᠰᠠᠷ᠎ᠠ ᠶᠢᠨ | ᠠᠳᠠᠯᠢ ᠬᠤᠭᠤᠴᠠᠭᠠᠨ ᠤ ᠬᠢ ᠠᠴᠠ ᠲᠣᠨ ᠪᠦᠷᠢ ᠳᠤ ᠪᠠᠨ 0.91% ᠪᠠᠷ ᠪᠠᠭᠤᠷᠠᠪᠠ᠃ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠪᠠᠯ᠂ ᠪᠥᠬᠦ ᠣᠷᠣᠨ ᠤ | ᠴᠠᠬᠢᠯᠭᠠᠨ ᠭᠠᠷᠭᠠᠬᠤ ᠨᠡᠭᠦᠷᠡᠰᠦᠨ ᠤ ᠬᠤᠳᠠᠯᠳᠤᠨ ᠠᠪᠬᠤ ᠳᠤᠮᠳᠠᠴᠢ ᠦᠨ᠎ᠡ ᠨᠢ 0.75% ᠪᠠᠷ ᠥᠰᠪᠡ᠃ |