ᠡᠨᠡ ᠵᠢᠯ ᠠᠴᠠ ᠨᠠᠰᠢ᠂ ᠮᠠᠨ ᠤ ᠣᠷᠣᠨ ᠤ ᠡᠯ᠎ᠡ ᠭᠠᠵᠠᠷ ᠤᠨ ᠬᠢᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠ ᠠᠵᠤ ᠦᠢᠯᠡᠰ ᠤᠨ ᠬᠡᠯᠬᠢᠶ᠎ᠡ ᠶᠢ | ᠤᠷᠲᠤᠳᠬᠠᠬᠤ ᠳᠡᠭᠡᠷ᠎ᠡ ᠢᠳᠡᠪᠬᠢᠲᠡᠢ ᠬᠦᠴᠦ ᠲᠠᠯᠪᠢᠵᠤ᠂ ᠠᠵᠢᠯᠯᠠᠭᠠᠨ ᠤ ᠦᠷ᠎ᠡ ᠠᠰᠢᠭ ᠲᠠᠰᠤᠷᠠᠯᠲᠠ ᠥᠬᠡᠶ ᠰᠠᠶᠢᠵᠢᠷᠠᠵᠤ᠂ ᠰᠢᠨ᠎ᠡ ᠪᠠᠷ ᠮᠠᠨᠳᠤᠭᠰᠠᠨ ᠠᠵᠤ | ᠦᠶᠯᠡᠰ ᠲᠦᠷᠭᠡᠨ ᠬᠥᠭᠵᠢᠪᠡ᠃ | ᠲᠦᠷᠦᠭᠦᠤ ᠭᠤᠷᠪᠠᠨ ᠤᠯᠠᠷᠢᠯ ᠳᠤ᠂ ᠪᠥᠬᠦ ᠣᠷᠣᠨ ᠤ ᠨᠡᠭᠦᠷᠡᠰᠦᠨ ᠤ ᠪᠤᠰᠤ ᠠᠵᠤ ᠦᠶᠯᠡᠰ᠂ ᠲᠤᠨᠤᠭ ᠲᠦᠬᠦᠭᠡᠷᠦᠮᠵᠢ ᠦᠶᠯᠡᠳᠬᠦ ᠦᠶᠯᠡᠰ᠂ ᠳᠡᠭᠡᠳᠦ | ᠮᠡᠷᠭᠡᠵᠢᠯ ᠤᠨ ᠦᠶᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ ᠲᠣᠰ ᠲᠣᠰ 8.2 %᠂ 18.5 % ᠪᠠ 8.1 % ᠪᠠᠷ ᠨᠡᠮᠡᠭᠳᠡᠵᠦ | ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠤᠨ ᠬᠤᠷᠳᠤᠴᠠ ᠠᠴᠠ ᠲᠣᠰ ᠲᠣᠰ 0.5᠂ 10.8 ᠪᠠ 0.4 ᠵᠠᠭᠤᠨ ᠤ ᠴᠡᠭ ᠲᠦᠷᠭᠡᠨ | ᠪᠣᠯᠵᠠᠶ᠃ 1 — 8 ᠳ᠋ᠤᠭᠠᠷ ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠪᠡᠶᠡᠯᠡᠭᠦᠯᠦᠭᠰᠡᠨ ᠠᠰᠢᠭ ᠬᠤᠨᠵᠢᠪᠣᠷᠢ ᠶᠢᠨ ᠶᠡᠷᠦᠩᠬᠡᠶ | ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 5.8 % ᠪᠠᠷ ᠨᠡᠮᠡᠭᠳᠡᠵᠦ᠂ ᠳᠡᠭᠡᠷ᠎ᠡ ᠬᠠᠭᠠᠰ ᠵᠢᠯ ᠤᠨ ᠬᠢ ᠠᠴᠠ 0.5 ᠵᠠᠭᠤᠨ ᠤ ᠴᠡᠭ ᠳᠡᠭᠡᠭᠰᠢᠯᠡᠵᠡᠶ᠃ |