ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠣᠶᠢᠯᠭᠠᠭᠰᠠᠨ ᠢᠶᠠᠷ᠄ 2019 ᠣᠨ ᠳᠤ᠂ ᠥᠪᠥᠷ ᠮᠣᠩᠭᠤᠯ ᠤᠨ ᠡᠯ᠎ᠡ ᠭᠠᠵᠠᠷ | ᠤᠨ ᠬᠢᠨ ︽ᠭᠠᠵᠠᠷ ᠰᠢᠷᠦᠢ ᠪᠠᠷ ᠠᠮᠤ ᠲᠠᠷᠢᠶ᠎ᠠ ᠶᠢ ᠪᠠᠲᠤᠯᠠᠵᠤ ᠤᠷ᠎ᠠ ᠮᠡᠷᠭᠡᠵᠢᠯ ᠢᠶᠠᠷ ᠠᠮᠤ ᠲᠠᠷᠢᠶᠠᠨ ᠤ ᠤᠨᠠᠯᠲᠠ ᠶᠢ ᠳᠡᠭᠡᠭᠰᠢᠯᠡᠭᠦᠯᠬᠦ︾ ᠪᠠᠶᠢᠯᠳᠤᠬᠤ ᠪᠣᠳᠣᠯᠭ᠎ᠠ ᠶᠢ | ᠶᠡᠬᠡᠪᠡᠷ ᠬᠡᠷᠡᠭᠵᠢᠭᠦᠯᠵᠦ᠂ ᠪᠥᠬᠦ ᠵᠢᠯ ᠤᠨ ᠠᠮᠤ ᠪᠤᠳᠠᠭᠠᠨ ᠤ ᠦᠶᠯᠡᠳᠪᠦᠷᠢᠯᠡᠯ ᠡᠯᠪᠡᠭ ᠬᠤᠷᠢᠶᠠᠯᠲᠠ ᠣᠯᠪᠠ᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ | ᠨᠡᠶᠢᠲᠡᠯᠡᠭᠰᠡᠨ ᠬᠠᠮᠤᠭ ᠤᠨ ᠰᠢᠨ᠎ᠡ ᠲᠤᠭ᠎ᠠ ᠪᠠᠷᠢᠮᠲᠠ ᠠᠴᠠ ᠦᠵᠡᠪᠡᠯ᠂ 2019 ᠣᠨ ᠳᠤ᠂ ᠥᠪᠥᠷ ᠮᠣᠩᠭᠤᠯ ᠤᠨ ᠠᠮᠤ ᠪᠤᠳᠠᠭᠠᠨ ᠤ ᠶᠡᠷᠦᠩᠬᠡᠢ ᠤᠨᠠᠯᠲᠠ ᠨᠢ | 3653 ᠲᠦᠮᠡᠨ ᠲᠣᠨ ︵730.6 ᠳ᠋ᠦᠩᠰᠢᠭᠤᠷ ᠵᠢᠩ︶ ᠳᠤ ᠬᠦᠷᠴᠦ᠂ ᠪᠦᠬᠦ ᠤᠯᠤᠰ ᠲᠤ ᠨᠠᠶᠮᠠᠳᠤᠭᠠᠷ ᠲᠤ ᠲᠤᠳᠤᠷᠠᠵᠤ᠂ 2018 ᠣᠨ ᠤ ᠬᠢ ᠠᠴᠠ 100 | ᠲᠦᠮᠡᠨ ᠲᠣᠨ ︵20 ᠳ᠋ᠦᠩᠰᠢᠭᠤᠷ ᠵᠢᠩ︶ ᠨᠡᠮᠡᠭᠳᠡᠨ᠂ 2.8% ᠪᠠᠷ ᠨᠡᠮᠡᠭᠳᠡᠵᠦ᠂ ︽ᠠᠷᠪᠠᠨ ᠵᠢᠷᠭᠤᠭᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠤᠯᠵᠠᠢ︾᠃ | 2019 ᠣᠨ ᠳᠤ᠂ ᠥᠪᠥᠷ ᠮᠣᠩᠭᠤᠯ ᠤᠨ ᠠᠮᠤ ᠪᠤᠳᠠᠭ᠎ᠠ ᠲᠠᠷᠢᠬᠤ ᠲᠠᠯᠠᠪᠠᠢ ᠳ᠋ᠦᠩᠰᠢᠭᠤᠷ ᠮᠦ ᠠᠴᠠ ᠳᠠᠪᠠᠵᠤ᠂ 1.02 ᠳ᠋ᠦᠩᠰᠢᠭᠤᠷ ᠮᠦ ᠳᠤ ᠬᠦᠷᠴᠠᠢ᠂ | 2018 ᠣᠨ ᠤ ᠬᠢ ᠠᠴᠠ 57 ᠲᠦᠮᠡᠨ ᠮᠦ ᠨᠡᠮᠡᠭᠳᠡᠵᠦ᠂ 0.6% ᠪᠠᠷ ᠨᠡᠮᠡᠭᠳᠡᠵᠡᠶ᠃ ᠠᠮᠤ ᠪᠤᠳᠠᠭᠠᠨ ᠤ ᠲᠠᠯᠠᠪᠠᠢ ᠨᠢᠭᠡᠴᠢ ᠶᠢᠨ ᠤᠨᠠᠯᠲᠠ ᠨᠢ ᠮᠦ ᠪᠦᠷᠢ 356. | 7 ᠺᠢᠯᠣᠭ᠍ᠷᠠᠮ ᠪᠤᠯᠵᠤ᠂ 2018 ᠣᠨ ᠤ ᠬᠢ ᠠᠴᠠ ᠮᠦ ᠪᠦᠷᠢ 7.8 ᠺᠢᠯᠣᠭ᠍ᠷᠠᠮ ᠨᠡᠮᠡᠭᠳᠡᠵᠦ᠂ 2.2% ᠪᠠᠷ ᠨᠡᠮᠡᠭᠳᠡᠪᠡ᠃ ᠥᠪᠥᠷ ᠮᠣᠩᠭᠤᠯ ᠤᠨ ᠠᠮᠤ ᠪᠤᠳᠠᠭᠠᠨ ᠤ | ᠦᠶᠯᠡᠳᠪᠦᠷᠢᠯᠡᠯ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠬᠦ ᠬᠠᠨᠳᠤᠰᠢ ᠲᠠᠢ ᠪᠠᠶᠢᠵᠤ᠂ ᠤᠯᠤᠰ ᠤᠨ ᠠᠮᠤ ᠪᠤᠳᠠᠭᠠᠨ ᠤ ᠤᠨᠠᠯᠲᠠ ᠶᠢ ᠲᠤᠭᠳᠠᠭᠤᠨ ᠪᠠᠶᠢᠯᠭᠠᠵᠤ᠂ | ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠢᠳᠡᠪᠬᠢᠲᠡᠢ ᠦᠶᠯᠡᠳᠦᠯ ᠦᠵᠡᠭᠦᠯᠬᠦ ᠪᠤᠯᠤᠨ᠎ᠠ᠃ |