| | ᠰᠤᠷᠪᠤᠯᠵᠢᠯᠠᠭᠰᠠᠨ ᠴᠠᠭ᠄ | 2019 ᠣᠨ ᠤ 01 ᠳ᠋ᠦ᠋ᠭᠡᠷ ᠰᠠᠷ᠎ᠠ ᠶᠢᠨ 07 ᠤ ᠡᠳᠦᠷ ᠤᠨ 15 ᠴᠠᠭ | ᠰᠤᠷᠪᠤᠯᠵᠢᠯᠠᠭ᠎ᠠ ᠬᠦᠯᠢᠶᠡᠭᠴᠢ᠄ | ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ | ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠪᠴᠢᠶᠠᠨ ᠳᠠᠷᠤᠭ᠎ᠠ ᠲᠠᠨ ᠡᠾᠧᠩ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | 2019 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠮᠠᠨ ᠤ ᠤᠯᠤᠰ ᠶᠡᠷᠦᠩᠬᠡᠶᠢᠯᠡᠬᠦ ᠬᠢᠭᠡᠳ ᠲᠥᠷᠥᠯ ᠬᠤᠪᠢᠶᠠᠬᠤ ᠶᠢ ᠬᠠᠷᠢᠯᠴᠠᠨ | ᠤᠶᠠᠯᠳᠤᠭᠤᠯᠤᠭᠰᠠᠨ ᠬᠤᠪᠢ ᠬᠥᠮᠥᠨ ᠤ ᠠᠰᠢᠭ ᠣᠯᠵᠠᠪᠤᠷᠢ ᠶᠢᠨ ᠭᠠᠶᠢᠯᠢ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠪᠡ᠃ ᠡᠨᠡ ᠪᠣᠯ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ᠠᠴᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠳᠤ ᠣᠷᠣᠭᠰᠠᠨ ᠠᠬᠤᠢ ᠪᠠᠶᠢᠳᠠᠯ | ᠳᠣᠣᠷ᠎ᠠ᠂ ᠠᠵᠤ ᠠᠬᠤᠢ ᠶᠢᠨ ᠴᠢᠨᠠᠷᠯᠢᠭ ᠬᠥᠭᠵᠢᠯᠲᠡ ᠶᠢ ᠠᠬᠢᠭᠤᠯᠬᠤ ᠠᠴᠠ ᠡᠭᠦᠰᠦᠨ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮᠵᠢ ᠶᠢ ᠪᠠᠶᠢᠭᠤᠯᠵᠤ᠂ | ᠨᠡᠶᠢᠭᠡᠮ ᠤᠨ ᠡᠷᠬᠡ ᠲᠡᠭᠰᠢ ᠪᠥᠭᠡᠳ ᠲᠥᠪ ᠭᠤᠣᠯᠴᠢ ᠶᠢ ᠪᠡᠶᠡᠯᠡᠭᠦᠯᠦᠨ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢᠶᠠᠷ ᠪᠦᠬᠦ ᠠᠷᠠᠳ ᠲᠦᠮᠡᠨ ᠳᠤ | ᠨᠡᠩ ᠣᠯᠠᠨ ᠨᠡᠩ ᠡᠷᠬᠡ ᠲᠡᠭᠰᠢ ᠠᠰᠢᠭ ᠬᠦᠷᠲᠡᠭᠡᠬᠦ ᠪᠠᠷ ᠲᠣᠭᠲᠠᠭᠠᠭᠰᠠᠨ ᠨᠢᠭᠡ ᠵᠦᠢᠯ ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠵᠤ᠂ ᠡᠳ᠋ ᠤᠨ | ᠵᠠᠰᠠᠭ ᠤᠨ ᠭᠠᠶᠢᠯᠢ ᠲᠠᠲᠠᠪᠤᠷᠢ ᠶᠢᠨ ᠥᠭᠡᠷᠡᠴᠢᠯᠡᠯᠲᠡ᠂ ᠠᠵᠤ ᠠᠬᠤᠢ ᠶᠢᠨ ᠬᠥᠭᠵᠢᠯᠲᠡ᠂ ᠨᠡᠶᠢᠭᠡᠮ ᠤᠨ ᠳᠠᠪᠰᠢᠯᠲᠠ ᠳᠤ ᠪᠦᠷ ᠮᠠᠰᠢ ᠴᠢᠬᠤᠯᠠ ᠠᠴᠢ ᠬᠤᠯᠪᠣᠭᠳᠠᠯ | ᠲᠠᠢ ᠪᠠᠶᠢᠳᠠᠭ᠃ ᠥᠨᠥᠳᠥᠷ ᠪᠢᠳᠡ ᠵᠣᠯ ᠢᠶᠠᠷ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ ᠲᠠᠨ ᠡᠾᠧᠩ ᠢ ᠤᠷᠢᠵᠤ᠂ ᠬᠤᠪᠢ ᠬᠥᠮᠥᠨ ᠤ ᠠᠰᠢᠭ ᠣᠯᠵᠠᠪᠤᠷᠢ ᠶᠢᠨ ᠭᠠᠶᠢᠯᠢ ᠶᠢᠨ | ᠥᠭᠡᠷᠡᠴᠢᠯᠡᠯᠲᠡ᠂ ᠣᠨᠴᠠᠭᠠᠶᠢᠯᠠᠨ ᠲᠤᠰ ᠤᠳᠠᠭᠠᠨ ᠤ ᠬᠤᠪᠢ ᠬᠥᠮᠥᠨ ᠤ ᠠᠰᠢᠭ ᠣᠯᠵᠠᠪᠤᠷᠢ ᠶᠢᠨ ᠭᠠᠶᠢᠯᠢ ᠶᠢᠨ ᠥᠭᠡᠷᠡᠴᠢᠯᠡᠯᠲᠡ ᠳᠤ ᠠᠩᠬ᠎ᠠ ᠤᠳᠠᠭ᠎ᠠ | ᠲᠣᠬᠢᠷᠠᠭᠤᠯᠤᠭᠰᠠᠨ ᠵᠢᠷᠭᠤᠭᠠᠨ ᠲᠤᠰᠬᠠᠢ ᠵᠦᠢᠯ ᠤᠨ ᠨᠡᠮᠡᠯᠲᠡ ᠰᠠᠭᠤᠳᠬᠠᠯ ᠤᠨ ᠲᠥᠷᠥ ᠶᠢᠨ ᠪᠣᠳᠣᠯᠭ᠎ᠠ ᠶᠢᠨ ᠲᠤᠬᠠᠢ ᠰᠦᠯᠵᠢᠶᠡᠨ ᠤ ᠠᠨᠳᠠ ᠨᠠᠷ ᠲᠠᠢ | ᠰᠦᠯᠵᠢᠶ᠎ᠡ ᠪᠠᠷ ᠰᠠᠨᠠᠯ ᠰᠣᠯᠢᠯᠴᠠᠭᠤᠯᠬᠤ ᠪᠣᠯᠣᠯ᠎ᠠ᠃ | | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | | ᠬᠥᠲᠥᠯᠥᠭᠴᠢ᠄ | ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠤᠰ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠤ | ᠰᠤᠷᠪᠤᠯᠵᠢᠯᠠᠭ᠎ᠠ ᠶᠢᠨ ᠪᠤᠯᠤᠩ ᠢ ᠬᠦᠯᠢᠶᠡᠨ ᠠᠪᠴᠤ ᠦᠵᠡᠬᠦ ᠶᠢ ᠴᠢᠨᠢ ᠪᠠᠶᠠᠷᠯᠠᠨ ᠤᠭᠲᠤᠵᠤ ᠪᠠᠶᠢᠨ᠎ᠠ᠃ 2019 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ | ᠡᠬᠢᠯᠡᠨ᠂ ᠮᠠᠨ ᠤ ᠤᠯᠤᠰ ᠶᠡᠷᠦᠩᠬᠡᠶᠢᠯᠡᠬᠦ ᠬᠢᠭᠡᠳ ᠲᠥᠷᠥᠯ ᠬᠤᠪᠢᠶᠠᠬᠤ ᠶᠢ ᠬᠠᠷᠢᠯᠴᠠᠨ ᠤᠶᠠᠯᠳᠤᠭᠤᠯᠤᠭᠰᠠᠨ ᠬᠤᠪᠢ ᠬᠥᠮᠥᠨ ᠤ ᠠᠰᠢᠭ ᠣᠯᠵᠠᠪᠤᠷᠢ ᠶᠢᠨ | ᠭᠠᠶᠢᠯᠢ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠪᠡ᠃ ᠡᠨᠡ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠳᠤ ᠣᠷᠣᠭᠰᠠᠨ ᠠᠬᠤᠢ ᠪᠠᠶᠢᠳᠠᠯ ᠳᠣᠣᠷ᠎ᠠ᠂ ᠠᠵᠤ ᠠᠬᠤᠢ ᠶᠢᠨ ᠴᠢᠨᠠᠷᠯᠢᠭ ᠬᠥᠭᠵᠢᠯᠲᠡ ᠶᠢ | ᠠᠬᠢᠭᠤᠯᠬᠤ ᠠᠴᠠ ᠡᠭᠦᠰᠦᠨ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮᠵᠢ ᠶᠢ ᠪᠠᠶᠢᠭᠤᠯᠵᠤ᠂ ᠨᠡᠶᠢᠭᠡᠮ ᠤᠨ ᠡᠷᠬᠡ ᠲᠡᠭᠰᠢ ᠪᠥᠭᠡᠳ ᠲᠥᠪ ᠭᠤᠣᠯᠴᠢ ᠶᠢ | ᠪᠡᠶᠡᠯᠡᠭᠦᠯᠦᠨ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢᠶᠠᠷ ᠪᠦᠬᠦ ᠠᠷᠠᠳ ᠲᠦᠮᠡᠨ ᠳᠤ ᠨᠡᠩ ᠣᠯᠠᠨ ᠨᠡᠩ ᠡᠷᠬᠡ ᠲᠡᠭᠰᠢ ᠠᠰᠢᠭ ᠬᠦᠷᠲᠡᠭᠡᠬᠦ ᠪᠠᠷ | ᠲᠣᠭᠲᠠᠭᠠᠭᠰᠠᠨ ᠨᠢᠭᠡ ᠵᠦᠢᠯ ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠵᠤ᠂ ᠡᠳ᠋ ᠤᠨ ᠵᠠᠰᠠᠭ ᠤᠨ ᠭᠠᠶᠢᠯᠢ ᠲᠠᠲᠠᠪᠤᠷᠢ ᠶᠢᠨ ᠥᠭᠡᠷᠡᠴᠢᠯᠡᠯᠲᠡ᠂ ᠠᠵᠤ | ᠠᠬᠤᠢ ᠶᠢᠨ ᠬᠥᠭᠵᠢᠯᠲᠡ᠂ ᠨᠡᠶᠢᠭᠡᠮ ᠤᠨ ᠳᠠᠪᠰᠢᠯᠲᠠ ᠳᠤ ᠪᠦᠷ ᠮᠠᠰᠢ ᠴᠢᠬᠤᠯᠠ ᠠᠴᠢ ᠬᠤᠯᠪᠣᠭᠳᠠᠯ ᠲᠠᠢ ᠪᠠᠶᠢᠳᠠᠭ᠃ ᠥᠨᠥᠳᠥᠷ ᠪᠢᠳᠡ ᠵᠣᠯ ᠢᠶᠠᠷ ᠤᠯᠤᠰ ᠤᠨ | ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ | ᠲᠠᠨ ᠡᠾᠧᠩ ᠢ ᠤᠷᠢᠵᠤ᠂ ᠲᠡᠭᠦᠨ ᠢᠶᠠᠷ ᠥᠷᠭᠡᠨ ᠣᠯᠠᠨ ᠰᠦᠯᠵᠢᠶᠡᠨ ᠤ ᠠᠨᠳᠠ ᠲᠠᠢ ︽ᠬᠤᠪᠢ ᠬᠥᠮᠥᠨ ᠤ ᠠᠰᠢᠭ ᠣᠯᠵᠠᠪᠤᠷᠢ ᠶᠢᠨ ᠭᠠᠶᠢᠯᠢ ᠶᠢᠨ | ᠥᠭᠡᠷᠡᠴᠢᠯᠡᠯᠲᠡ ᠶᠢᠨ ᠶᠠᠪᠤᠳᠠᠯ ᠤᠳ︾ ᠤᠨ ᠲᠤᠬᠠᠢ ᠰᠠᠨᠠᠯ ᠰᠣᠯᠢᠯᠴᠠᠭᠤᠯᠬᠤ ᠶᠢᠨ ᠬᠠᠮᠲᠤ᠂ ᠣᠯᠠᠨ ᠤ ᠠᠰᠠᠭᠤᠯᠲᠠ ᠶᠢ ᠬᠠᠷᠢᠭᠤᠯᠤᠭᠤᠯᠬᠤ ᠪᠠᠷ ᠪᠣᠯᠣᠯ᠎ᠠ᠃ ᠲᠠᠨ | ᠲᠣᠪᠴᠢᠶᠠᠨ ᠳᠠᠷᠤᠭ᠎ᠠ ᠶᠢ ᠪᠠᠶᠠᠷᠯᠠᠨ ᠤᠭᠲᠤᠵᠤ ᠪᠠᠶᠢᠨ᠎ᠠ᠃ | ᠲᠠᠨ ᠡᠾᠧᠩ᠄ | ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︖ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ | ᠣᠯᠠᠨ ᠲᠠᠢ ᠰᠠᠨᠠᠯ ᠰᠣᠯᠢᠯᠴᠠᠬᠤ ᠪᠣᠯᠣᠭᠰᠠᠨ ᠳᠤ ᠪᠠᠨ ᠰᠡᠳᠬᠢᠯ ᠮᠠᠰᠢ ᠥᠨᠳᠥᠷ ᠪᠠᠶᠢᠨ᠎ᠠ᠃ ᠡᠨᠡ ᠬᠦ ᠲᠣᠬᠢᠶᠠᠯ ᠢ ᠠᠰᠢᠭᠯᠠᠨ᠂ ᠪᠢ ᠤᠯᠤᠰ ᠤᠨ ᠭᠠᠶᠢᠯᠢ ᠶᠢᠨ | ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠡᠮᠦᠨ᠎ᠡ ᠠᠴᠠ᠂ | ᠥᠷᠭᠡᠨ ᠣᠯᠠᠨ ᠰᠦᠯᠵᠢᠶᠡᠨ ᠤ ᠠᠨᠳᠠ ᠶᠢᠨ ᠨᠢᠭᠡ ᠵᠢᠯ ᠤᠨ ᠲᠤᠷᠰᠢ ᠪᠦᠬᠦ ᠣᠷᠣᠨ ᠤ ᠭᠠᠶᠢᠯᠢ ᠶᠢᠨ ᠶᠠᠪᠤᠳᠠᠯ ᠤᠨ ᠠᠵᠢᠯ ᠢ ᠣᠶᠢᠯᠠᠭᠠᠨ ᠳᠡᠮᠵᠢᠭᠰᠡᠨ ᠳᠤ ᠴᠢᠩ | ᠰᠡᠳᠬᠢᠯ ᠠᠴᠠ ᠪᠠᠨ ᠪᠠᠶᠠᠷᠯᠠᠵᠤ ᠪᠠᠶᠢᠨ᠎ᠠ᠃ ᠬᠠᠮᠲᠤ ᠳᠤ ᠨᠢ ᠰᠦᠯᠵᠢᠶᠡᠨ ᠤ ᠠᠨᠳᠠ ᠨᠠᠷ ᠤᠨ ᠰᠢᠨ᠎ᠡ ᠨᠢᠭᠡ ᠵᠢᠯ ᠳᠤ ᠪᠠᠨ ᠪᠡᠶ᠎ᠡ ᠮᠠᠬᠠᠪᠤᠳ ᠡᠷᠡᠭᠦᠯ ᠴᠢᠭᠢᠷᠠᠭ᠂ ᠠᠵᠢᠯ | ᠦᠢᠯᠡᠰ ᠤᠷᠤᠭᠰᠢᠲᠠᠢ᠂ ᠭᠡᠷ ᠬᠤᠲᠠᠯᠠᠭᠠᠷ ᠪᠠᠶᠠᠷ ᠵᠢᠷᠭᠠᠯ ᠲᠠᠢ ᠪᠠᠶᠢᠬᠤ ᠶᠢ ᠬᠦᠰᠡᠨ ᠵᠥᠩᠨᠡᠵᠦ ᠪᠠᠶᠢᠨ᠎ᠠ᠃ | ᠬᠥᠲᠥᠯᠥᠭᠴᠢ᠄ | ᠲᠠᠨ ᠲᠣᠪᠴᠢᠶᠠᠨ ᠳᠠᠷᠤᠭ᠎ᠠ ᠶᠢᠨ ᠬᠦᠰᠡᠯ ᠵᠥᠩᠨᠡᠯ ᠳᠤ ᠪᠠᠶᠠᠷᠯᠠᠯ᠎ᠠ᠃ ᠡᠨᠡ ᠤᠳᠠᠭᠠᠨ ᠤ ᠬᠤᠪᠢ ᠬᠥᠮᠥᠨ ᠤ ᠠᠰᠢᠭ ᠣᠯᠵᠠᠪᠤᠷᠢ ᠶᠢᠨ ᠭᠠᠶᠢᠯᠢ ᠶᠢᠨ | ᠥᠭᠡᠷᠡᠴᠢᠯᠡᠯᠲᠡ ᠶᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠦᠬᠦ | ᠨᠡᠶᠢᠭᠡᠮ ᠢᠶᠠᠷ ᠢᠶᠠᠨ ᠠᠩᠬᠠᠷᠤᠨ ᠬᠠᠯᠠᠮᠵᠢᠯᠠᠵᠤ᠂ ᠭᠠᠶᠢᠯᠢ ᠲᠤᠰᠢᠶᠠᠭᠴᠢ ᠨᠢᠭᠡᠪᠦᠷᠢ ᠲᠤᠩ ᠬᠦᠰᠡᠨ ᠡᠷᠡᠮᠡᠯᠵᠡᠵᠦ ᠪᠠᠶᠢᠨ᠎ᠠ᠃ ᠲᠡᠭᠡᠪᠡᠯ᠂ ᠡᠩ ᠲᠡᠷᠢᠭᠦᠨ ᠳᠤ ᠲᠠ ᠲᠤᠰ | ᠤᠳᠠᠭᠠᠨ ᠤ ᠬᠤᠪᠢ ᠬᠥᠮᠥᠨ ᠤ ᠠᠰᠢᠭ ᠣᠯᠵᠠᠪᠤᠷᠢ ᠶᠢᠨ ᠭᠠᠶᠢᠯᠢ ᠶᠢᠨ ᠥᠭᠡᠷᠡᠴᠢᠯᠡᠯᠲᠡ ᠨᠢ ᠶᠠᠮᠠᠷ ᠴᠢᠬᠤᠯᠠ ᠠᠴᠢ ᠬᠤᠯᠪᠣᠭᠳᠠᠯ ᠲᠠᠢ ᠶᠢ ᠲᠠᠨᠢᠯᠴᠠᠭᠤᠯᠤᠭᠠᠳ | ᠥᠭᠭᠦᠨ᠎ᠡ ᠦᠦ︖ | ᠲᠠᠨ ᠡᠾᠧᠩ᠄ | ᠲᠡᠭᠡᠶ᠎ᠡ᠂ ᠬᠤᠪᠢ ᠬᠥᠮᠥᠨ ᠤ ᠠᠰᠢᠭ ᠣᠯᠵᠠᠪᠤᠷᠢ ᠶᠢᠨ ᠭᠠᠶᠢᠯᠢ ᠪᠣᠯ ᠣᠳᠣᠬᠠᠨ ᠤ ᠮᠠᠨ ᠤ ᠤᠯᠤᠰ ᠤᠨ ᠥᠷᠲᠡᠭ ᠨᠡᠮᠡᠭᠳᠡᠯ ᠤᠨ ᠭᠠᠶᠢᠯᠢ ᠪᠠ ᠠᠵᠤ | ᠠᠬᠤᠶᠢᠯᠠᠯ ᠤᠨ ᠠᠰᠢᠭ ᠣᠯᠵᠠᠪᠤᠷᠢ ᠶᠢᠨ ᠭᠠᠶᠢᠯᠢ ᠶᠢᠨ ᠳᠠᠷᠠᠭᠠᠬᠢ ᠭᠤᠷᠪᠠᠳᠤᠭᠠᠷ ᠶᠡᠭᠡ ᠭᠠᠶᠢᠯᠢ ᠶᠢᠨ ᠵᠦᠢᠯ ᠪᠠᠶᠢᠵᠤ᠂ ᠡᠳ᠋ ᠤᠨ ᠵᠠᠰᠠᠭ ᠤᠨ ᠣᠷᠣᠯᠭ᠎ᠠ ᠶᠢ | ᠬᠤᠷᠠᠮᠳᠤᠭᠤᠯᠬᠤ᠂ ᠣᠷᠣᠯᠭ᠎ᠠ ᠶᠢᠨ ᠬᠤᠪᠢᠶᠠᠷᠢᠯᠠᠯᠲᠠ ᠶᠢ ᠲᠣᠬᠢᠷᠠᠭᠤᠯᠬᠤ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ ᠪᠠᠶᠢᠳᠠᠭ᠃ ᠡᠨᠡ ᠤᠳᠠᠭ᠎ᠠ ᠬᠤᠪᠢ | ᠬᠥᠮᠥᠨ ᠤ ᠠᠰᠢᠭ ᠣᠯᠵᠠᠪᠤᠷᠢ ᠶᠢᠨ ᠭᠠᠶᠢᠯᠢ ᠶᠢᠨ ᠬᠠᠤᠯᠢ ᠳᠤ ᠵᠠᠰᠠᠪᠤᠷᠢ ᠣᠷᠣᠭᠤᠯᠬᠤ ᠳᠤ᠂ ᠰᠦᠢᠳᠬᠡᠯ ᠬᠠᠰᠤᠬᠤ ᠪᠠᠷᠢᠮᠵᠢᠶ᠎ᠠ ᠶᠢ ᠳᠡᠭᠡᠭᠰᠢᠯᠡᠭᠦᠯᠬᠦ᠂ ᠲᠤᠰᠬᠠᠢ | ᠵᠦᠢᠯ ᠤᠨ ᠨᠡᠮᠡᠯᠲᠡ ᠰᠠᠭᠤᠳᠬᠠᠯ ᠢ ᠨᠡᠮᠡᠭᠳᠡᠭᠦᠯᠬᠦ ᠪᠠ ᠭᠠᠶᠢᠯᠢ ᠶᠢᠨ ᠨᠣᠷᠮ᠎ᠠ ᠶᠢᠨ ᠪᠦᠲᠦᠴᠡ ᠶᠢ ᠰᠢᠯᠢᠳᠡᠭᠵᠢᠭᠦᠯᠬᠦ ᠪᠠᠷ ᠳᠠᠮᠵᠢᠭᠤᠯᠤᠨ᠂ ᠥᠷᠭᠡᠨ ᠣᠯᠠᠨ ᠭᠠᠶᠢᠯᠢ | ᠲᠤᠰᠢᠶᠠᠭᠴᠢ ᠶᠢᠨ ᠭᠠᠶᠢᠯᠢ ᠲᠠᠲᠠᠪᠤᠷᠢ ᠶᠢᠨ ᠳᠠᠷᠤᠭᠠᠰᠤ ᠶᠢ ᠦᠨᠡᠨ ᠬᠦ ᠬᠥᠩᠭᠡᠯᠡᠭᠰᠡᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠤᠭᠰᠠᠨ ᠪᠣᠳᠠᠲᠤ ᠠᠵᠢᠯᠯᠠᠭ᠎ᠠ ᠪᠣᠯᠬᠤ ᠪᠠᠷ ᠪᠠᠷᠠᠬᠤ ᠦᠭᠡᠢ᠂ ᠠᠷᠠᠳ ᠤᠨ ᠰᠡᠳᠬᠢᠯ ᠠᠷᠠᠳ ᠤᠨ ᠰᠠᠨᠠᠭ᠎ᠠ ᠪᠠ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠰᠢᠨ᠎ᠡ ᠴᠠᠭ ᠤᠨ ᠪᠠᠶᠢᠳᠠᠯ ᠰᠢᠨ᠎ᠡ ᠱᠠᠭᠠᠷᠳᠠᠯᠭ᠎ᠠ ᠲᠠᠢ ᠨᠡᠶᠢᠴᠡᠭᠦᠯᠦᠭᠰᠡᠨ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠣᠯᠣᠨ᠎ᠠ︔ ᠭᠠᠶᠢᠯᠢ | ᠲᠤᠰᠢᠶᠠᠭᠴᠢᠳ ᠤᠨ ᠳᠠᠷᠤᠭᠠᠰᠤ ᠶᠢ ᠵᠦᠢ ᠵᠣᠬᠢᠰᠲᠠᠢ ᠪᠠᠷ ᠬᠥᠩᠭᠡᠯᠡᠭᠰᠡᠨ ᠢᠶᠠᠷ ᠪᠠᠷᠠᠬᠤ ᠦᠭᠡᠢ᠂ ᠨᠡᠩ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠭᠠᠶᠢᠯᠢ | ᠲᠠᠲᠠᠪᠤᠷᠢ ᠶᠢᠨ ᠳᠦᠷᠢᠮ ᠢ ᠪᠠᠶᠢᠭᠤᠯᠬᠤ ᠳᠤ ᠰᠠᠭᠤᠷᠢ ᠲᠠᠯᠪᠢᠪᠠ︔ ᠠᠷᠠᠳ ᠲᠦᠮᠡᠨ ᠢᠶᠠᠷ ᠲᠥᠪ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠲᠠᠢ ᠨᠡᠶᠢᠴᠡᠬᠦ ᠪᠠᠷ | ᠪᠠᠷᠠᠬᠤ ᠦᠭᠡᠢ᠂ ᠬᠡᠷᠡᠭᠯᠡᠭᠡ ᠶᠢ ᠬᠥᠲᠥᠯᠥᠨ ᠳᠠᠶᠢᠴᠢᠯᠠᠬᠤ ᠪᠠᠷ ᠭᠤᠣᠯ ᠪᠣᠯᠭᠠᠭᠰᠠᠨ ᠣᠳᠣ ᠦᠶ᠎ᠡ ᠶᠢᠨ ᠠᠵᠤ ᠠᠬᠤᠢ ᠶᠢᠨ ᠰᠢᠰᠲ᠋ᠧᠮᠵᠢ ᠶᠢ ᠪᠠᠶᠢᠭᠤᠯᠬᠤ ᠳᠤ ᠠᠰᠢᠭᠲᠠᠢ | ᠪᠠᠶᠢᠳᠠᠭ᠃ ᠪᠦᠬᠦ ᠤᠯᠤᠰ ᠤᠨ ᠬᠠᠷᠠᠭᠠᠰᠤ ᠠᠴᠠ ᠠᠪᠴᠤ ᠦᠵᠡᠪᠡᠯ᠂ ᠬᠤᠪᠢ ᠬᠥᠮᠥᠨ ᠤ ᠠᠰᠢᠭ ᠣᠯᠵᠠᠪᠤᠷᠢ ᠶᠢᠨ ᠭᠠᠶᠢᠯᠢ ᠶᠢᠨ ᠥᠭᠡᠷᠡᠴᠢᠯᠡᠯᠲᠡ ᠨᠢ ᠡᠳ᠋ ᠤᠨ | ᠵᠠᠰᠠᠭ ᠤᠨ ᠣᠷᠣᠯᠭ᠎ᠠ ᠶᠢ ᠬᠤᠷᠠᠮᠳᠤᠭᠤᠯᠬᠤ᠂ ᠣᠷᠣᠯᠭ᠎ᠠ ᠶᠢᠨ ᠬᠤᠪᠢᠶᠠᠷᠢᠯᠠᠯᠲᠠ ᠶᠢ ᠲᠣᠬᠢᠷᠠᠭᠤᠯᠬᠤ ᠵᠡᠷᠭᠡ ᠲᠠᠯ᠎ᠠ ᠪᠠᠷ ᠬᠢ ᠬᠤᠪᠢ ᠬᠥᠮᠥᠨ ᠤ ᠠᠰᠢᠭ | ᠣᠯᠵᠠᠪᠤᠷᠢ ᠶᠢᠨ ᠭᠠᠶᠢᠯᠢ ᠶᠢᠨ ᠴᠢᠬᠤᠯᠠ ᠦᠢᠯᠡᠳᠦᠯ ᠢ ᠨᠡᠩ ᠰᠠᠶᠢᠲᠤᠷ ᠪᠠᠳᠠᠷᠠᠭᠤᠯᠤᠭᠰᠠᠨ᠂ ᠨᠢᠭᠡᠨ ᠤᠳᠠᠭᠠᠨ ᠤ ᠴᠢᠬᠤᠯᠠ ᠬᠥᠰᠢᠶ᠎ᠡ ᠳᠤᠷᠠᠰᠬᠠᠯ ᠤᠨ ᠮᠠᠶ᠋ᠢᠭ ᠤᠨ | ᠥᠭᠡᠷᠡᠴᠢᠯᠡᠯᠲᠡ ᠪᠣᠯᠣᠨ᠎ᠠ᠃ | ᠬᠥᠲᠥᠯᠥᠭᠴᠢ᠄ | ᠲᠤᠰ ᠤᠳᠠᠭᠠᠨ ᠤ ᠬᠤᠪᠢ ᠬᠥᠮᠥᠨ ᠤ ᠠᠰᠢᠭ ᠣᠯᠵᠠᠪᠤᠷᠢ ᠶᠢᠨ ᠭᠠᠶᠢᠯᠢ ᠶᠢᠨ ᠥᠭᠡᠷᠡᠴᠢᠯᠡᠯᠲᠡ ᠳᠤ ᠶᠠᠮᠠᠷ ᠶᠠᠮᠠᠷ ᠭᠢᠯᠠᠰ ᠴᠡᠭ ᠪᠠᠶᠢᠬᠤ ᠶᠢ ᠣᠯᠠᠨ ᠳᠤ | ᠶᠠᠷᠢᠭᠠᠳ ᠥᠭᠭᠦᠨ᠎ᠡ ᠦᠦ︖ | ᠲᠠᠨ ᠡᠾᠧᠩ᠄ | ᠥᠩᠭᠡᠷᠡᠭᠰᠡᠨ ᠤ ᠥᠭᠡᠷᠡᠴᠢᠯᠡᠯᠲᠡ ᠨᠦᠭᠦᠳ ᠲᠠᠢ ᠬᠠᠷᠢᠴᠠᠭᠤᠯᠪᠠᠯ᠂ ᠡᠨᠡ ᠤᠳᠠᠭᠠᠨ ᠤ ᠬᠤᠪᠢ ᠬᠥᠮᠥᠨ ᠤ ᠠᠰᠢᠭ ᠣᠯᠵᠠᠪᠤᠷᠢ ᠶᠢᠨ ᠭᠠᠶᠢᠯᠢ ᠶᠢᠨ | ᠥᠭᠡᠷᠡᠴᠢᠯᠡᠯᠲᠡ ᠶᠢᠨ ᠬᠤᠪᠢᠷᠠᠯᠲᠠ ᠨᠢ ᠮᠠᠰᠢ ᠶᠡᠭᠡ᠂ ᠭᠢᠯᠠᠰ ᠴᠡᠭ ᠨᠢ ᠮᠠᠰᠢ ᠣᠯᠠᠨ ᠪᠠᠶᠢᠵᠤ᠂ ᠬᠤᠷᠢᠶᠠᠩᠭᠤᠶᠢᠯᠠᠪᠠᠯ ᠳᠣᠣᠷᠠᠬᠢ ᠵᠢᠷᠭᠤᠭᠠᠨ ᠶᠡᠭᠡ ᠭᠢᠯᠠᠰ ᠴᠡᠭ | ᠪᠠᠶᠢᠨ᠎ᠠ᠄ ᠨᠢᠭᠡ ᠳᠤ᠂ ᠶᠡᠷᠦᠩᠬᠡᠶᠢᠯᠡᠭᠰᠡᠨ ᠠᠰᠢᠭ ᠣᠯᠵᠠᠪᠤᠷᠢ ᠠᠴᠠ ᠵᠢᠯ ᠢᠶᠠᠷ ᠭᠠᠶᠢᠯᠢ ᠲᠠᠲᠠᠪᠤᠷᠢᠯᠠᠬᠤ ᠳᠦᠷᠢᠮ ᠢ ᠪᠠᠶᠢᠭᠤᠯᠪᠠ᠃ ᠡᠨᠡ ᠤᠳᠠᠭᠠᠨ ᠤ ᠥᠭᠡᠷᠡᠴᠢᠯᠡᠯᠲᠡ | ᠨᠢ ᠴᠠᠯᠢᠩ ᠮᠥᠩᠭᠦ᠂ ᠬᠥᠳᠡᠯᠮᠦᠷᠢ ᠬᠦᠴᠦᠨ ᠤ ᠣᠯᠭᠤᠮᠵᠢ᠂ ᠡᠬᠡ ᠪᠢᠴᠢᠭ ᠤᠨ ᠬᠠᠷᠠᠮᠵᠢ ᠪᠠ ᠣᠨᠴᠠ ᠵᠥᠪᠰᠢᠶᠡᠷᠡᠭᠰᠡᠨ ᠡᠷᠬᠡ ᠶᠢᠨ ᠬᠡᠷᠡᠭᠯᠡᠬᠦ ᠰᠦᠢᠳᠬᠡᠯ 4 | ᠵᠦᠢᠯ ᠤᠨ ᠬᠥᠳᠡᠯᠮᠦᠷᠢ ᠶᠢᠨ ᠴᠢᠨᠠᠷᠲᠠᠢ ᠠᠰᠢᠭ ᠣᠯᠵᠠᠪᠤᠷᠢ ᠶᠢ ᠶᠡᠷᠦᠩᠬᠡᠶᠢᠯᠡᠨ ᠭᠠᠶᠢᠯᠢ ᠲᠠᠲᠠᠪᠤᠷᠢᠯᠠᠬᠤ ᠬᠡᠪᠴᠢᠶᠡᠨ ᠳᠤ ᠣᠷᠣᠭᠤᠯᠤᠨ ᠵᠢᠯ ᠢᠶᠠᠷ ᠭᠠᠶᠢᠯᠢ ᠪᠣᠳᠣᠵᠤ᠂ | ᠳᠠᠪᠠᠭᠤᠯᠵᠤ ᠠᠬᠢᠭᠤᠯᠤᠨ ᠪᠣᠳᠣᠬᠤ ᠨᠢᠭᠡᠳᠦᠯᠲᠡᠢ ᠭᠠᠶᠢᠯᠢ ᠶᠢᠨ ᠨᠣᠷᠮ᠎ᠠ ᠶᠢ ᠲᠣᠬᠢᠷᠠᠭᠤᠯᠤᠨ ᠬᠡᠷᠡᠭᠯᠡᠵᠦ᠂ ︽ᠣᠷᠣᠯᠠᠨ ᠰᠠᠭᠤᠳᠬᠠᠵᠤ ᠣᠷᠣᠯᠠᠨ ᠲᠤᠰᠢᠶᠠᠬᠤ᠂ | ᠥᠪᠡᠰᠦᠪᠡᠨ ᠭᠤᠶᠤᠴᠢᠯᠠᠨ ᠮᠡᠳᠡᠭᠦᠯᠬᠦ᠂ ᠨᠡᠶᠢᠯᠡᠭᠦᠯᠦᠨ ᠲᠣᠭᠠᠴᠠᠵᠤ ᠨᠠᠷᠢᠪᠴᠢᠯᠠᠨ ᠲᠤᠰᠢᠶᠠᠬᠤ᠂ ᠦᠯᠡᠳᠡᠭᠰᠡᠨ ᠢ ᠨᠢ ᠪᠤᠴᠠᠭᠠᠵᠤ ᠳᠤᠲᠠᠭᠤᠳᠠᠭᠰᠠᠨ ᠢ ᠨᠢ ᠨᠥᠬᠦᠬᠦ᠂ | ᠦᠢᠯᠡᠴᠢᠯᠡᠭᠡ ᠪᠠᠨ ᠰᠢᠯᠢᠳᠡᠭᠵᠢᠭᠦᠯᠬᠦ᠂ ᠠᠵᠢᠯ ᠶᠠᠪᠤᠳᠠᠯ ᠤᠨ ᠳᠠᠷᠠᠭ᠎ᠠ ᠰᠤᠭᠤᠴᠢᠨ ᠪᠠᠶᠢᠴᠠᠭᠠᠬᠤ︾ ᠶᠢ ᠬᠡᠷᠡᠭᠵᠢᠭᠦᠯᠪᠡ᠃ ᠡᠶᠢᠮᠦᠷᠬᠦᠦ ᠳᠦᠷᠢᠮ ᠨᠢ ᠴᠢᠳᠠᠪᠤᠷᠢ ᠢ ᠨᠢ | ᠦᠵᠡᠵᠦ ᠭᠠᠶᠢᠯᠢ ᠲᠠᠲᠠᠪᠤᠷᠢᠯᠠᠬᠤ᠂ ᠭᠠᠶᠢᠯᠢ ᠶᠢᠨ ᠳᠠᠷᠤᠭᠠᠰᠤ ᠶᠢ ᠡᠷᠬᠡ ᠲᠡᠭᠰᠢ ᠪᠣᠯᠭᠠᠬᠤ ᠵᠠᠷᠴᠢᠮ ᠢ ᠨᠡᠩ ᠭᠦᠢᠴᠡᠳ ᠢᠯᠡᠷᠡᠭᠦᠯᠪᠡ᠃ ᠬᠤᠶᠠᠷ ᠲᠤ᠂ ᠬᠠᠰᠤᠨ | ᠦᠭᠡᠶᠢᠰᠬᠡᠬᠦ ᠰᠦᠢᠳᠬᠡᠯ ᠤᠨ ᠦᠨᠳᠦᠰᠦᠨ ᠪᠠᠷᠢᠮᠵᠢᠶ᠎ᠠ ᠶᠢ ᠲᠣᠬᠢᠷᠠᠮᠵᠢᠲᠠᠢ ᠳᠡᠭᠡᠭᠰᠢᠯᠡᠭᠦᠯᠪᠡ᠃ ᠶᠡᠷᠦᠩᠬᠡᠶᠢᠯᠡᠭᠰᠡᠨ ᠠᠰᠢᠭ ᠣᠯᠵᠠᠪᠤᠷᠢ ᠶᠢᠨ ᠬᠠᠰᠤᠨ ᠦᠭᠡᠶᠢᠰᠬᠡᠬᠦ | ᠰᠦᠢᠳᠬᠡᠯ ᠤᠨ ᠦᠨᠳᠦᠰᠦᠨ ᠪᠠᠷᠢᠮᠵᠢᠶ᠎ᠠ ᠶᠢ ᠤᠤᠯ ᠤᠨ ᠬᠥᠮᠥᠨ ᠨᠢᠭᠡᠪᠦᠷᠢ ᠶᠢᠨ ᠰᠠᠷ᠎ᠠ ᠶᠢᠨ 3500 ᠲᠥᠭᠦᠷᠢᠭ ᠢ ᠳᠡᠭᠡᠭᠰᠢᠯᠡᠭᠦᠯᠦᠭᠡᠳ 5000 ᠲᠥᠭᠦᠷᠢᠭ ︵ | ᠬᠥᠮᠥᠨ ᠨᠢᠭᠡᠪᠦᠷᠢ ᠶᠢᠨ ᠵᠢᠯ ᠤᠨ 6 ᠲᠦᠮᠡᠨ ᠲᠥᠭᠦᠷᠢᠭ︶ ᠪᠣᠯᠭᠠᠪᠠ᠃ ᠡᠨᠡ ᠨᠢ ᠳᠤᠮᠳᠠ ᠳᠣᠣᠷ᠎ᠠ ᠣᠷᠣᠯᠭ᠎ᠠ ᠲᠠᠢ ᠬᠥᠮᠥᠰ ᠤᠨ ᠳᠠᠷᠤᠭᠠᠰᠤ ᠶᠢ ᠬᠥᠩᠭᠡᠷᠡᠭᠦᠯᠬᠦ᠂ | ᠬᠤᠪᠢ ᠬᠥᠮᠥᠨ ᠤ ᠬᠡᠷᠡᠭᠯᠡᠭᠡ ᠶᠢ ᠳᠠᠶᠢᠴᠢᠯᠠᠬᠤ᠂ ᠣᠷᠣᠯᠭ᠎ᠠ ᠶᠢᠨ ᠵᠥᠷᠢᠶ᠎ᠡ ᠶᠢ ᠪᠠᠭᠠᠰᠬᠠᠬᠤ᠂ ᠠᠵᠤ ᠠᠬᠤᠢ ᠶᠢᠨ ᠴᠢᠨᠠᠷᠯᠢᠭ ᠬᠥᠭᠵᠢᠯᠲᠡ ᠶᠢ ᠠᠬᠢᠭᠤᠯᠬᠤ ᠵᠡᠷᠭᠡ | ᠲᠠᠯ᠎ᠠ ᠪᠠᠷ ᠪᠦᠷ ᠢᠳᠡᠪᠬᠢᠲᠡᠢ ᠦᠷ᠎ᠡ ᠨᠥᠯᠥᠭᠡ ᠦᠵᠡᠭᠦᠯᠦᠨ᠎ᠡ᠃ ᠭᠤᠷᠪᠠ ᠳᠤ᠂ ᠠᠩᠬ᠎ᠠ ᠤᠳᠠᠭ᠎ᠠ ᠲᠤᠰᠬᠠᠢ ᠵᠦᠢᠯ ᠤᠨ ᠨᠡᠮᠡᠯᠲᠡ ᠰᠠᠭᠤᠳᠬᠠᠯ ᠢ ᠲᠣᠬᠢᠷᠠᠭᠤᠯᠪᠠ᠃ | ᠡᠨᠡ ᠤᠳᠠᠭᠠᠨ ᠤ ᠥᠭᠡᠷᠡᠴᠢᠯᠡᠯᠲᠡ ᠨᠢ᠂ ᠠᠷᠠᠳ ᠲᠦᠮᠡᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠵᠠᠷᠤᠯᠭ᠎ᠠ ᠶᠢᠨ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ | ᠦᠷ᠎ᠡ ᠬᠡᠦᠬᠡᠳ ᠤᠨ ᠰᠤᠷᠭᠠᠨ ᠬᠥᠮᠥᠵᠢᠯ᠂ ᠦᠷᠭᠦᠯᠵᠢᠯᠡᠯ ᠰᠤᠷᠭᠠᠨ ᠬᠥᠮᠥᠵᠢᠯ᠂ ᠬᠦᠨᠳᠦ ᠡᠪᠡᠳᠴᠢᠨ ᠤ ᠡᠮᠴᠢᠯᠡᠭᠡ᠂ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ | ᠮᠥᠩᠭᠦ᠂ ᠣᠷᠣᠨ ᠰᠠᠭᠤᠴᠠ ᠶᠢᠨ ᠲᠦᠷᠢᠶᠡᠰᠦᠨ ᠮᠥᠩᠭᠦ᠂ ᠨᠠᠰᠤᠲᠠᠨ ᠤ ᠠᠰᠠᠷᠠᠮᠵᠢ 6 ᠲᠤᠰᠬᠠᠢ ᠵᠦᠢᠯ ᠤᠨ ᠨᠡᠮᠡᠯᠲᠡ ᠰᠠᠭᠤᠳᠬᠠᠯ ᠢ ᠨᠡᠮᠡᠨ ᠲᠣᠬᠢᠷᠠᠭᠤᠯᠪᠠ᠃ | ᠡᠶᠢᠮᠦᠷᠬᠦᠦ ᠲᠣᠬᠢᠷᠠᠭᠤᠯᠤᠯᠲᠠ ᠨᠢ ᠬᠤᠪᠢ ᠬᠥᠮᠥᠨ ᠤ ᠵᠠᠷᠤᠯᠭ᠎ᠠ ᠶᠢᠨ ᠵᠥᠷᠢᠶᠡᠲᠦ ᠴᠢᠨᠠᠷ ᠪᠠ ᠭᠠᠶᠢᠯᠢ ᠲᠠᠲᠠᠪᠤᠷᠢ ᠶᠢᠨ ᠴᠢᠳᠠᠪᠤᠷᠢ ᠶᠢᠨ ᠡᠭᠦᠷᠭᠡᠯᠡᠯ ᠤᠨ ᠵᠠᠷᠴᠢᠮ ᠢ | ᠨᠡᠩ ᠭᠦᠢᠴᠡᠳ ᠢᠯᠡᠷᠡᠭᠦᠯᠦᠨ᠂ ᠬᠤᠪᠢ ᠬᠥᠮᠥᠨ ᠤ ᠠᠰᠢᠭ ᠣᠯᠵᠠᠪᠤᠷᠢ ᠶᠢᠨ ᠭᠠᠶᠢᠯᠢ ᠶᠢᠨ ᠵᠠᠷᠴᠢᠮ ᠲᠠᠢ ᠨᠡᠩ ᠨᠡᠶᠢᠴᠡᠵᠦ᠂ ᠬᠡᠦᠬᠡᠳ ᠤᠨ ᠠᠰᠠᠷᠠᠮᠵᠢ ᠬᠦᠷᠲᠡᠵᠦ | ᠳᠡᠶᠢᠯᠬᠦ᠂ ᠰᠤᠷᠬᠤ ᠠᠴᠠ ᠰᠤᠷᠭᠠᠨ ᠬᠥᠮᠥᠵᠢᠯ ᠬᠦᠷᠲᠡᠵᠦ ᠳᠡᠶᠢᠯᠬᠦ᠂ ᠡᠪᠡᠳᠴᠢᠨ ᠢᠶᠠᠨ ᠦᠵᠡᠭᠦᠯᠵᠦ ᠳᠡᠶᠢᠯᠬᠦ᠂ ᠰᠠᠭᠤᠬᠤ ᠠᠴᠠ ᠣᠷᠣᠨ ᠰᠠᠭᠤᠴᠠ ᠪᠠᠶᠢᠬᠤ ᠶᠢ | ᠪᠠᠲᠤᠯᠠᠬᠤ᠂ ᠥᠲᠡᠯᠬᠦ ᠳᠤ ᠠᠰᠠᠷᠠᠮᠵᠢ ᠬᠠᠷᠠᠭᠠᠯᠵᠠᠯ ᠬᠦᠷᠲᠡᠵᠦ ᠳᠡᠶᠢᠯᠬᠦ ᠶᠢ ᠪᠡᠶᠡᠯᠡᠭᠦᠯᠬᠦ ᠳᠤ ᠠᠰᠢᠭᠲᠠᠢ ᠪᠠᠶᠢᠳᠠᠭ᠃ | ᠲᠠᠨ ᠡᠾᠧᠩ᠄ | ᠳᠥᠷᠪᠡ ᠳᠤ᠂ ᠭᠠᠶᠢᠯᠢ ᠶᠢᠨ ᠨᠣᠷᠮ᠎ᠠ ᠶᠢᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠪᠡ᠃ ᠡᠨᠡ ᠤᠳᠠᠭᠠᠨ ᠤ ᠥᠭᠡᠷᠡᠴᠢᠯᠡᠯᠲᠡ ᠨᠢ᠂ ᠬᠥᠳᠡᠯᠮᠦᠷᠢ ᠶᠢᠨ | ᠴᠢᠨᠠᠷᠲᠠᠢ ᠠᠰᠢᠭ ᠣᠯᠵᠠᠪᠤᠷᠢ ᠳᠤ᠂ ᠣᠳᠣ ᠶᠢᠨ ᠬᠡᠷᠡᠭᠵᠢᠭᠦᠯᠵᠦ ᠪᠠᠶᠢᠭ᠎ᠠ ᠴᠠᠯᠢᠩ ᠤᠨ ᠠᠰᠢᠭ ᠣᠯᠵᠠᠪᠤᠷᠢ ᠶᠢᠨ 3% — 45% ᠭᠡᠬᠦ ᠳᠣᠯᠣᠭᠠᠨ ᠳᠡᠰ ᠤᠨ | ᠳᠠᠪᠠᠭᠤᠯᠵᠤ ᠠᠬᠢᠭᠤᠯᠤᠨ ᠪᠣᠳᠣᠬᠤ ᠭᠠᠶᠢᠯᠢ ᠪᠠᠷ ᠰᠠᠭᠤᠷᠢ ᠪᠣᠯᠭᠠᠵᠤ᠂ 3%᠂ 10%᠂ 20% ᠭᠤᠷᠪᠠᠨ ᠳᠡᠰ ᠤᠨ ᠳᠣᠣᠷ᠎ᠠ ᠭᠠᠶᠢᠯᠢ ᠶᠢᠨ ᠨᠣᠷᠮ᠎ᠠ ᠶᠢᠨ | ᠳᠡᠰ ᠤᠨ ᠵᠥᠷᠢᠶ᠎ᠡ ᠶᠢ ᠶᠡᠬᠡᠰᠬᠡᠵᠦ᠂ 25% ᠶᠢᠨ ᠭᠠᠶᠢᠯᠢ ᠶᠢᠨ ᠨᠣᠷᠮ᠎ᠠ ᠶᠢᠨ ᠳᠡᠰ ᠤᠨ ᠵᠥᠷᠢᠶ᠎ᠡ ᠶᠢ ᠲᠣᠬᠢᠷᠠᠯᠴᠠᠭᠤᠯᠤᠨ ᠪᠠᠭᠠᠰᠬᠠᠵᠤ᠂ 30%᠂ 35%᠂ | 45% ᠭᠤᠷᠪᠠᠨ ᠳᠡᠰ ᠤᠨ ᠨᠡᠯᠢᠶᠡᠳ ᠥᠨᠳᠥᠷ ᠭᠠᠶᠢᠯᠢ ᠶᠢᠨ ᠨᠣᠷᠮ᠎ᠠ ᠶᠢᠨ ᠳᠡᠰ ᠤᠨ ᠵᠥᠷᠢᠶ᠎ᠡ ᠶᠢ ᠬᠤᠪᠢᠷᠠᠭᠤᠯᠬᠤ ᠦᠭᠡᠢ ᠶᠢ ᠪᠠᠲᠤᠯᠠᠪᠠ︔ ᠡᠵᠡᠩᠨᠡᠯᠲᠡ ᠶᠢᠨ | ᠴᠢᠨᠠᠷᠲᠠᠢ ᠠᠰᠢᠭ ᠣᠯᠵᠠᠪᠤᠷᠢ ᠳᠤ᠂ ᠣᠳᠣ ᠶᠢᠨ ᠬᠡᠷᠡᠭᠵᠢᠭᠦᠯᠵᠦ ᠪᠠᠶᠢᠭ᠎ᠠ 5% — 35% ᠭᠡᠬᠦ ᠲᠠᠪᠤᠨ ᠳᠡᠰ ᠤᠨ ᠳᠠᠪᠠᠭᠤᠯᠵᠤ ᠠᠬᠢᠭᠤᠯᠤᠨ ᠪᠣᠳᠣᠬᠤ | ᠭᠠᠶᠢᠯᠢ ᠶᠢᠨ ᠨᠣᠷᠮ᠎ᠠ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠡᠯ᠎ᠡ ᠳᠡᠰ ᠳᠠᠪᠬᠤᠷᠭ᠎ᠠ ᠶᠢᠨ ᠭᠠᠶᠢᠯᠢ ᠶᠢᠨ ᠨᠣᠷᠮ᠎ᠠ ᠶᠢᠨ ᠳᠡᠰ ᠤᠨ ᠵᠥᠷᠢᠶ᠎ᠡ ᠶᠢ ᠥᠷᠭᠡᠳᠬᠡᠪᠡ︔ ᠡᠳ᠋ | ᠬᠥᠷᠥᠩᠭᠡ ᠶᠢᠨ ᠴᠢᠨᠠᠷᠲᠠᠢ ᠠᠰᠢᠭ ᠣᠯᠵᠠᠪᠤᠷᠢ ᠳᠤ᠂ 20% ᠶᠢᠨ ᠬᠠᠷᠢᠴᠠᠯ ᠤᠨ ᠭᠠᠶᠢᠯᠢ ᠶᠢᠨ ᠨᠣᠷᠮ᠎ᠠ ᠶᠢ ᠬᠤᠪᠢᠷᠠᠭᠤᠯᠬᠤ ᠦᠭᠡᠢ ᠶᠢ ᠪᠠᠲᠤᠯᠠᠨ᠎ᠠ᠃ ᠡᠶᠢᠮᠦᠷᠬᠦᠦ | ᠲᠣᠬᠢᠷᠠᠭᠤᠯᠤᠯᠲᠠ ᠨᠢ ᠭᠠᠶᠢᠯᠢ ᠶᠢᠨ ᠨᠣᠷᠮ᠎ᠠ ᠶᠢᠨ ᠪᠦᠲᠦᠴᠡ ᠶᠢ ᠨᠡᠩ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠪᠣᠯᠭᠠᠵᠤ᠂ ᠬᠤᠪᠢ ᠬᠥᠮᠥᠨ ᠤ ᠠᠰᠢᠭ | ᠣᠯᠵᠠᠪᠤᠷᠢ ᠶᠢᠨ ᠭᠠᠶᠢᠯᠢ ᠶᠢᠨ ᠣᠷᠣᠯᠭ᠎ᠠ ᠶᠢᠨ ᠬᠤᠪᠢᠶᠠᠷᠢᠯᠠᠯᠲᠠ ᠶᠢ ᠲᠣᠬᠢᠷᠠᠭᠤᠯᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ ᠴᠢᠳᠠᠨ᠎ᠠ᠃ ᠲᠠᠪᠤ ᠳᠤ᠂ | ᠭᠠᠶᠢᠯᠢ ᠠᠴᠠ ᠵᠠᠶᠢᠯᠠᠬᠤ ᠶᠢ ᠡᠰᠡᠷᠭᠦᠴᠡᠬᠦ ᠵᠤᠷᠪᠤᠰ ᠨᠡᠮᠡᠨ ᠲᠣᠬᠢᠷᠠᠭᠤᠯᠪᠠ᠃ ᠬᠤᠪᠢ ᠬᠥᠮᠥᠨ ᠤ ᠲᠤᠰᠠᠭᠠᠷ ᠰᠣᠯᠢᠯᠴᠠᠬᠤ ᠵᠠᠷᠴᠢᠮ ᠢ ᠵᠢᠷᠤᠮᠯᠠᠬᠤ ᠦᠭᠡᠢ ᠪᠠᠷ ᠡᠳ᠋ | ᠬᠥᠷᠥᠩᠭᠡ ᠪᠠᠨ ᠰᠢᠯᠵᠢᠭᠦᠯᠦᠨ ᠬᠤᠳᠠᠯᠳᠤᠬᠤ᠂ ᠬᠢᠯᠢ ᠶᠢᠨ ᠭᠠᠳᠠᠨᠠᠬᠢ ᠭᠠᠶᠢᠯᠢ ᠠᠴᠠ ᠵᠠᠶᠢᠯᠠᠬᠤ ᠭᠠᠵᠠᠷ ᠢᠶᠠᠷ ᠳᠠᠮᠵᠢᠭᠤᠯᠤᠨ ᠭᠠᠶᠢᠯᠢ ᠠᠴᠠ ᠵᠠᠶᠢᠯᠠᠬᠤ᠂ ᠵᠦᠢ | ᠵᠣᠬᠢᠰ ᠦᠭᠡᠢ ᠬᠤᠳᠠᠯᠳᠤᠭᠠᠨ ᠤ ᠲᠣᠬᠢᠷᠠᠭᠤᠯᠤᠯᠲᠠ ᠶᠢ ᠬᠡᠷᠡᠭᠵᠢᠭᠦᠯᠦᠨ ᠵᠦᠢ ᠵᠣᠬᠢᠰ ᠦᠭᠡᠢ ᠪᠠᠷ ᠭᠠᠶᠢᠯᠢ ᠲᠠᠲᠠᠪᠤᠷᠢ ᠶᠢᠨ ᠠᠰᠢᠭ ᠣᠯᠵᠠ ᠣᠯᠬᠤ ᠵᠡᠷᠭᠡ | ᠭᠠᠶᠢᠯᠢ ᠠᠴᠠ ᠵᠠᠶᠢᠯᠠᠬᠤ ᠦᠢᠯᠡ ᠠᠵᠢᠯᠯᠠᠭ᠎ᠠ ᠳᠤ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠵᠦᠢ ᠵᠣᠬᠢᠰᠲᠠᠢ ᠠᠷᠭ᠎ᠠ ᠪᠠᠷ ᠭᠠᠶᠢᠯᠢ ᠲᠤᠰᠢᠶᠠᠯᠭᠠᠬᠤ | ᠲᠣᠬᠢᠷᠠᠭᠤᠯᠤᠯᠲᠠ ᠬᠢᠬᠦ ᠡᠷᠬᠡ ᠣᠯᠭᠤᠪᠠ᠃ ᠡᠶᠢᠮᠦᠷᠬᠦᠦ ᠳᠦᠷᠢᠮ ᠤᠨ ᠲᠣᠬᠢᠷᠠᠭᠤᠯᠤᠯᠲᠠ ᠨᠢ᠂ ᠪᠠᠶᠢᠭᠠᠯᠢᠯᠢᠭ ᠬᠥᠮᠥᠨ ᠤ ᠭᠠᠶᠢᠯᠢ ᠲᠠᠲᠠᠪᠤᠷᠢ ᠶᠢᠨ ᠲᠥᠯᠥᠪᠯᠡᠭᠡ ᠪᠠᠷ | ᠳᠠᠮᠵᠢᠭᠤᠯᠤᠨ ᠭᠠᠶᠢᠯᠢ ᠲᠤᠰᠢᠶᠠᠬᠤ ᠡᠭᠦᠷᠭᠡ ᠠᠴᠠ ᠵᠠᠶᠢᠯᠬᠤ ᠠᠵᠢᠯᠯᠠᠭ᠎ᠠ ᠳᠤ ᠬᠦᠴᠦᠲᠡᠢ ᠴᠣᠬᠢᠯᠲᠠ ᠥᠭᠴᠦ᠂ ᠤᠯᠤᠰ ᠤᠨ ᠭᠠᠶᠢᠯᠢ ᠲᠠᠲᠠᠪᠤᠷᠢ ᠶᠢᠨ ᠡᠷᠬᠡ ᠠᠰᠢᠭ ᠢ | ᠬᠠᠮᠠᠭᠠᠯᠠᠵᠤ ᠪᠣᠯᠣᠨ᠎ᠠ᠃ ᠵᠢᠷᠭᠤᠭ᠎ᠠ ᠳᠤ᠂ ᠲᠠᠲᠠᠪᠤᠷᠢᠯᠠᠨ ᠬᠠᠮᠢᠶᠠᠷᠬᠤ ᠲᠥᠬᠦᠷ ᠳᠦᠷᠢᠮ ᠢ ᠪᠠᠶᠢᠭᠤᠯᠤᠨ ᠪᠦᠷᠢᠨᠰᠢᠭᠦᠯᠪᠡ᠃ ᠡᠨᠡ ᠤᠳᠠᠭᠠᠨ ᠤ ᠥᠭᠡᠷᠡᠴᠢᠯᠡᠯᠲᠡ ᠨᠢ᠂ | ᠲᠠᠲᠠᠪᠤᠷᠢᠯᠠᠨ ᠬᠠᠮᠢᠶᠠᠷᠬᠤ ᠰᠠᠭᠤᠷᠢ ᠶᠢᠨ ᠴᠢᠨᠠᠷᠲᠠᠢ ᠠᠵᠢᠯᠯᠠᠭᠠᠨ ᠪᠠ ᠳᠦᠷᠢᠮ ᠳᠤ ᠰᠢᠨ᠎ᠡ ᠶᠢ ᠡᠭᠦᠳᠬᠦ ᠶᠢ ᠴᠢᠬᠤᠯᠠᠴᠢᠯᠠᠨ ᠦᠵᠡᠵᠦ᠂ ᠪᠠᠶᠢᠭᠠᠯᠢᠯᠢᠭ ᠬᠥᠮᠥᠨ ᠤ | ᠭᠠᠶᠢᠯᠢ ᠲᠤᠰᠢᠶᠠᠭᠴᠢ ᠶᠢᠨ ᠢᠯᠭᠠᠨ ᠲᠣᠳᠣᠯᠠᠬᠤ ᠨᠣᠮᠧᠷ᠂ ᠬᠤᠪᠢ ᠬᠥᠮᠥᠨ ᠤ ᠪᠡᠶ᠎ᠡ ᠪᠠᠨ ᠳᠠᠭᠠᠭᠠᠵᠤ ᠭᠤᠶᠤᠴᠢᠯᠠᠨ ᠮᠡᠳᠡᠭᠦᠯᠬᠦ᠂ ᠭᠠᠶᠢᠯᠢ ᠠᠴᠠ ᠵᠠᠶᠢᠯᠠᠬᠤ ᠶᠢ | ᠡᠰᠡᠷᠭᠦᠴᠡᠬᠦ᠂ ᠰᠠᠯᠠᠭ᠎ᠠ ᠮᠥᠴᠢᠷ ᠤᠳ ᠤᠨ ᠮᠡᠳᠡᠭᠡ ᠵᠠᠩᠭᠢ ᠪᠠᠨ ᠬᠠᠮᠲᠤ ᠳᠤ ᠪᠠᠨ ᠬᠦᠷᠲᠡᠬᠦ᠂ ᠰᠠᠯᠠᠭ᠎ᠠ ᠮᠥᠴᠢᠷ ᠤᠳ ᠤᠨ ᠡᠬᠢ ᠢᠷᠡᠯᠲᠡ ᠠᠴᠠ ᠨᠢ ᠵᠣᠬᠢᠴᠠᠭᠤᠯᠤᠨ | ᠬᠠᠮᠲᠤ ᠪᠠᠷ ᠬᠠᠮᠢᠶᠠᠷᠬᠤ ᠪᠠ ︽ᠮᠡᠳᠡᠭᠡ ᠵᠠᠩᠭᠢ + ᠢᠲᠡᠭᠡᠮᠵᠢ︾ ᠶᠢᠨ ︽ᠬᠤᠣᠰ ᠢᠲᠡᠭᠡᠯ︾ ᠤᠨ ᠬᠠᠮᠢᠶᠠᠷᠤᠯᠲᠠ ᠶᠢ ᠴᠢᠬᠤᠯᠠᠴᠢᠯᠠᠨ ᠪᠠᠶᠢᠭᠤᠯᠵᠤ᠂ ᠰᠢᠨ᠎ᠡ | ᠭᠠᠶᠢᠯᠢ ᠶᠢᠨ ᠳᠦᠷᠢᠮ ᠶᠢ ᠤᠷᠤᠭᠰᠢᠲᠠᠢ ᠪᠠᠷ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠳᠤ ᠪᠠᠲᠤᠯᠠᠭ᠎ᠠ ᠬᠠᠩᠭᠠᠨ᠎ᠠ᠃ | ᠬᠥᠲᠥᠯᠥᠭᠴᠢ᠄ | ᠡᠮᠦᠨ᠎ᠡ ᠬᠡᠰᠡᠭ ᠬᠤᠭᠤᠴᠠᠭᠠᠨ ᠳᠤ᠂ ᠪᠢᠳᠡ ᠨᠢᠭᠡᠨᠲᠡ ᠰᠦᠢᠳᠬᠡᠯ ᠬᠠᠰᠤᠬᠤ ᠪᠠᠷᠢᠮᠵᠢᠶ᠎ᠠ ᠶᠢ ᠳᠡᠭᠡᠭᠰᠢᠯᠡᠭᠦᠯᠵᠦ᠂ ᠭᠠᠶᠢᠯᠢ ᠶᠢᠨ ᠨᠣᠷᠮ᠎ᠠ ᠶᠢᠨ ᠪᠦᠲᠦᠴᠡ ᠶᠢ | ᠰᠢᠯᠢᠳᠡᠭᠵᠢᠭᠦᠯᠦᠭᠰᠡᠨ ᠠᠴᠠ ᠣᠯᠣᠭᠰᠠᠨ ᠪᠣᠳᠠᠲᠤ ᠠᠰᠢᠭ ᠬᠦᠷᠲᠡᠭᠡᠯ ᠢ ᠬᠦᠷᠲᠡᠪᠡ᠃ ᠮᠢᠨᠤ ᠪᠣᠳᠣᠬᠤ ᠪᠠᠷ᠂ ᠥᠷᠭᠡᠨ ᠣᠯᠠᠨ ᠰᠦᠯᠵᠢᠶᠡᠨ ᠤ ᠠᠨᠳᠠ ᠶᠢᠨ | ᠬᠠᠮᠤᠭ ᠠᠴᠠ ᠠᠩᠬᠠᠷᠤᠯ ᠲᠠᠯᠪᠢᠵᠤ ᠪᠠᠶᠢᠭ᠎ᠠ ᠨᠢ ᠲᠠᠨ ᠤ ᠰᠠᠶ᠋ᠢᠬᠠᠨ ᠤ ᠳᠤᠷᠠᠳᠤᠭᠰᠠᠨ ᠡᠳᠡᠭᠡᠷ ᠲᠤᠰᠬᠠᠢ ᠵᠦᠢᠯ ᠤᠨ ᠨᠡᠮᠡᠯᠲᠡ ᠰᠠᠭᠤᠳᠬᠠᠯ ᠢ ᠴᠣᠬᠤᠮ ᠶᠠᠭᠠᠬᠢᠵᠤ | ᠬᠠᠰᠤᠬᠤ ᠶᠠᠪᠤᠳᠠᠯ ᠪᠣᠯᠣᠨ᠎ᠠ᠃ ᠡᠩ ᠲᠡᠷᠢᠭᠦᠨ ᠳᠤ ᠲᠠ ᠦᠷ᠎ᠡ ᠬᠡᠦᠬᠡᠳ ᠤᠨ ᠰᠤᠷᠭᠠᠨ ᠬᠥᠮᠥᠵᠢᠯ ᠭᠡᠬᠦ ᠡᠨᠡ ᠬᠦ ᠬᠡᠰᠡᠭ ᠨᠡᠮᠡᠯᠲᠡ ᠰᠠᠭᠤᠳᠬᠠᠯ ᠢ ᠶᠠᠭᠠᠬᠢᠵᠤ | ᠬᠠᠰᠤᠬᠤ ᠲᠤᠬᠠᠢ ᠣᠯᠠᠨ ᠳᠤ ᠲᠠᠨᠢᠯᠴᠠᠭᠤᠯᠤᠭᠠᠳ ᠥᠭᠭᠦᠨ᠎ᠡ ᠦᠦ︖ | ᠲᠠᠨ ᠡᠾᠧᠩ᠄ | ᠭᠠᠶᠢᠯᠢ ᠲᠤᠰᠢᠶᠠᠭᠴᠢ ᠶᠢᠨ ᠦᠷ᠎ᠡ ᠬᠡᠦᠬᠡᠳ ᠨᠢ ᠬᠡᠷᠪᠡ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠥᠵᠢᠯ ᠪᠠ ᠰᠤᠷᠤᠯᠭ᠎ᠠ ᠶᠢᠨ ᠨᠠᠮᠲᠠᠷ ᠤᠨ ᠰᠤᠷᠭᠠᠨ | ᠬᠥᠮᠥᠵᠢᠯ ᠤᠨ ᠱᠠᠲᠤᠨ ᠳᠤ ᠪᠠᠶᠢᠪᠠᠯ᠂ ᠦᠷ᠎ᠡ ᠬᠡᠦᠬᠡᠳ ᠨᠢ ᠬᠢᠯᠢ ᠶᠢᠨ ᠳᠣᠲᠣᠭᠠᠳᠤ ᠳᠤ᠂ ᠡᠰᠡᠬᠦᠯ᠎ᠡ ᠬᠢᠯᠢ ᠶᠢᠨ ᠭᠠᠳᠠᠨ᠎ᠠ ᠰᠤᠷᠭᠠᠨ ᠬᠥᠮᠥᠵᠢᠯ ᠬᠦᠷᠲᠡᠭᠰᠡᠨ ᠴᠤ | ᠲᠡᠷᠡ᠂ ᠠᠯᠪᠠᠨ ᠠᠴᠠ ᠡᠷᠬᠢᠯᠡᠭᠰᠡᠨ ᠰᠤᠷᠭᠠᠭᠤᠯᠢ ᠳᠤ᠂ ᠡᠰᠡᠬᠦᠯ᠎ᠡ ᠠᠷᠠᠳ ᠠᠴᠠ ᠡᠷᠬᠢᠯᠡᠭᠰᠡᠨ ᠰᠤᠷᠭᠠᠭᠤᠯᠢ ᠳᠤ ᠴᠤ ᠭᠡᠰᠡᠨ᠂ ᠪᠦᠷ ᠦᠷ᠎ᠡ ᠬᠡᠦᠬᠡᠳ ᠤᠨ | ᠰᠤᠷᠭᠠᠨ ᠬᠥᠮᠥᠵᠢᠯ ᠤᠨ ᠬᠠᠰᠤᠯᠲᠠ ᠰᠠᠭᠤᠳᠬᠠᠯ ᠢ ᠬᠦᠷᠲᠡᠵᠦ ᠪᠣᠯᠣᠨ᠎ᠠ᠃ ᠳᠠᠷᠤᠢ ᠭᠠᠶᠢᠯᠢ ᠲᠤᠰᠢᠶᠠᠭᠴᠢ ᠶᠢᠨ ᠦᠷ᠎ᠡ ᠬᠡᠦᠬᠡᠳ ᠨᠢ ᠪᠦᠬᠦᠯᠢ 3 ᠨᠠᠰᠤ ᠠᠴᠠ | ᠳ᠋ᠣᠺᠲ᠋ᠣᠷᠠᠨᠲ ᠤᠨ ᠰᠤᠳᠤᠯᠬᠤ ᠰᠤᠷᠤᠭᠴᠢ ᠲᠡᠭᠦᠰᠬᠦ ᠬᠦᠷᠲᠡᠯᠡᠬᠢ ᠬᠤᠭᠤᠴᠠᠭ᠎ᠠ ︵3 ᠨᠠᠰᠤ ᠠᠴᠠ ᠪᠠᠭ᠎ᠠ ᠰᠤᠷᠭᠠᠭᠤᠯᠢ ᠳᠤ ᠣᠷᠣᠬᠤ ᠠᠴᠠ ᠡᠮᠦᠨᠡᠬᠢ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠥᠵᠢᠯ ᠤᠨ ᠱᠠᠲᠤ ᠦᠶ᠎ᠡ᠂ ᠪᠠᠭ᠎ᠠ ᠰᠤᠷᠭᠠᠭᠤᠯᠢ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠯᠪᠠᠨ ᠵᠢᠷᠤᠮ ᠤᠨ | ᠰᠤᠷᠭᠠᠨ ᠬᠥᠮᠥᠵᠢᠯ ᠤᠨ ᠱᠠᠲᠤ ᠦᠶ᠎ᠡ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ | ᠮᠡᠷᠭᠡᠵᠢᠯ ᠤᠨ ᠠᠵᠢᠯᠴᠢᠨ ᠤ ᠰᠤᠷᠭᠠᠭᠤᠯᠢ ᠵᠡᠷᠭᠡ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠥᠵᠢᠯ ᠤᠨ ᠱᠠᠲᠤ ᠦᠶ᠎ᠡ᠂ ᠲᠤᠰᠬᠠᠢ | ᠮᠡᠷᠭᠡᠵᠢᠯ ᠤᠨ ᠠᠩᠭᠢ᠂ ᠦᠨᠳᠦᠰᠦᠨ ᠠᠩᠭᠢ᠂ ᠠᠰᠫᠢᠷᠠᠨᠲ ᠪᠠ ᠳ᠋ᠣᠺᠲ᠋ᠣᠷᠠᠨᠲ ᠤᠨ ᠰᠤᠳᠤᠯᠬᠤ ᠰᠤᠷᠤᠭᠴᠢ ᠶᠢᠨ ᠰᠤᠷᠭᠠᠨ ᠬᠥᠮᠥᠵᠢᠯ ᠵᠡᠷᠭᠡ ᠳᠡᠭᠡᠳᠦ ᠵᠡᠷᠭᠡ ᠶᠢᠨ | ᠰᠤᠷᠭᠠᠨ ᠬᠥᠮᠥᠵᠢᠯ ᠤᠨ ᠱᠠᠲᠤ ᠦᠶ᠎ᠡ ᠶᠢ ᠪᠠᠭᠲᠠᠭᠠᠨ᠎ᠠ︶᠂ ᠦᠷ᠎ᠡ ᠬᠡᠦᠬᠡᠳ ᠨᠢᠭᠡᠪᠦᠷᠢ ᠶᠢᠨ ᠰᠠᠷ᠎ᠠ ᠳᠤ 1000 ᠲᠥᠭᠦᠷᠢᠭ ᠬᠠᠰᠤᠨ ᠰᠠᠭᠤᠳᠬᠠᠵᠤ᠂ ᠬᠠᠰᠤᠨ | ᠰᠠᠭᠤᠳᠬᠠᠬᠤ ᠨᠥᠬᠦᠴᠡᠯ ᠳᠤ ᠨᠡᠶᠢᠴᠡᠭᠰᠡᠨ ᠬᠡᠳᠦᠨ ᠦᠷ᠎ᠡ ᠬᠡᠦᠬᠡᠳ ᠪᠠᠶᠢᠪᠠᠯ᠂ ᠦᠷ᠎ᠡ ᠬᠡᠦᠬᠡᠳ ᠨᠢᠭᠡᠪᠦᠷᠢ ᠨᠢ ᠪᠦᠷ ᠬᠠᠰᠤᠯᠲᠠ ᠰᠠᠭᠤᠳᠬᠠᠯ ᠢ ᠬᠦᠷᠲᠡᠵᠦ ᠪᠣᠯᠣᠨ᠎ᠠ | ᠃ ᠬᠠᠰᠤᠨ ᠰᠠᠭᠤᠳᠬᠠᠬᠤ ᠬᠥᠮᠥᠨ ᠢ ᠡᠴᠢᠭᠡ ᠡᠬᠡ ᠬᠤᠶᠠᠷ ᠲᠠᠯ᠎ᠠ ᠠᠴᠠ ᠰᠣᠩᠭᠤᠨ ᠲᠣᠭᠲᠠᠭᠠᠨ᠎ᠠ᠃ ᠡᠴᠢᠭᠡ ᠡᠬᠡ ᠶᠢᠨ ᠨᠢᠭᠡ ᠲᠠᠯ᠎ᠠ ᠠᠴᠠ ᠬᠠᠰᠤᠨ ᠰᠠᠭᠤᠳᠬᠠᠬᠤ | ᠪᠠᠷᠢᠮᠵᠢᠶ᠎ᠠ ᠶᠢᠨ 100% ᠪᠠᠷ ᠬᠠᠰᠤᠨ ᠰᠠᠭᠤᠳᠬᠠᠬᠤ ᠶᠢ ᠰᠣᠩᠭᠤᠵᠤ ᠪᠣᠯᠬᠤ ᠪᠠᠷ ᠪᠠᠷᠠᠬᠤ ᠦᠭᠡᠢ᠂ ᠡᠴᠢᠭᠡ ᠡᠬᠡ ᠬᠤᠶᠠᠷ ᠲᠠᠯ᠎ᠠ ᠠᠴᠠ ᠲᠤᠰ ᠲᠤᠰ ᠬᠠᠰᠤᠨ | ᠰᠠᠭᠤᠳᠬᠠᠬᠤ ᠪᠠᠷᠢᠮᠵᠢᠶ᠎ᠠ ᠶᠢᠨ 50% ᠪᠠᠷ ᠬᠠᠰᠤᠨ ᠰᠠᠭᠤᠳᠬᠠᠬᠤ ᠶᠢ ᠰᠣᠩᠭᠤᠵᠤ ᠪᠣᠯᠣᠨ᠎ᠠ᠃ ᠬᠠᠰᠤᠨ ᠰᠠᠭᠤᠳᠬᠠᠬᠤ ᠠᠷᠭ᠎ᠠ ᠬᠡᠯᠪᠡᠷᠢ ᠪᠠᠨ ᠲᠣᠭᠲᠠᠭᠠᠭᠰᠠᠨ ᠤ | ᠳᠠᠷᠠᠭ᠎ᠠ᠂ ᠨᠢᠭᠡ ᠭᠠᠶᠢᠯᠢ ᠲᠤᠰᠢᠶᠠᠬᠤ ᠣᠨ ᠤ ᠳᠣᠲᠣᠷ᠎ᠠ ᠬᠤᠪᠢᠷᠠᠭᠤᠯᠵᠤ ᠪᠣᠯᠬᠤ ᠦᠭᠡᠢ᠃ | ᠵᠢᠱᠢᠶᠡᠯᠡᠪᠡᠯ᠂ ᠨᠢᠭᠡ ᠭᠡᠷ ᠲᠤ ᠬᠤᠶᠠᠷ ᠬᠡᠦᠬᠡᠳ ᠪᠠᠶᠢᠵᠤ᠂ ᠨᠢᠭᠡ ᠬᠡᠦᠬᠡᠳ ᠨᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠰᠤᠷᠤᠯᠴᠠᠨ᠂ ᠨᠢᠭᠡ | ᠬᠡᠦᠬᠡᠳ ᠨᠢ ᠬᠡᠦᠬᠡᠳ ᠤᠨ ᠴᠡᠴᠡᠷᠯᠢᠭ ᠲᠤ ᠣᠷᠣᠭᠰᠠᠨ ᠮᠥᠷᠲᠡᠭᠡᠨ ᠨᠢᠭᠡᠨᠲᠡ ᠪᠦᠬᠦᠯᠢ 3 ᠨᠠᠰᠤ ᠬᠦᠷᠦᠭᠰᠡᠨ ᠪᠣᠯ᠂ ᠬᠡᠦᠬᠡᠳ ᠤᠨ ᠡᠴᠢᠭᠡ ᠡᠬᠡ ᠨᠢ ᠳᠤᠷ᠎ᠠ ᠶᠢᠨ | ᠨᠢᠭᠡ ᠲᠠᠯ᠎ᠠ ᠪᠠᠨ ᠰᠣᠩᠭᠤᠵᠤ ᠰᠠᠷ᠎ᠠ ᠪᠦᠷᠢ 2000 ᠲᠥᠭᠦᠷᠢᠭ ᠬᠠᠰᠤᠨ ᠰᠠᠭᠤᠳᠬᠠᠵᠤ ᠪᠣᠯᠣᠨ᠎ᠠ᠂ ᠪᠠᠰᠠ ᠡᠴᠢᠭᠡ᠂ ᠡᠬᠡ ᠬᠤᠶᠠᠷ ᠠᠴᠠ ᠲᠤᠰ ᠲᠤᠰ 1000 | ᠲᠥᠭᠦᠷᠢᠭ ᠬᠠᠰᠤᠨ ᠰᠠᠭᠤᠳᠬᠠᠵᠤ ᠪᠣᠯᠣᠨ᠎ᠠ᠃ | ᠬᠥᠲᠥᠯᠥᠭᠴᠢ᠄ | ᠲᠡᠭᠡᠪᠡᠯ᠂ ᠦᠷᠭᠦᠯᠵᠢᠯᠡᠯ ᠰᠤᠷᠭᠠᠨ ᠬᠥᠮᠥᠵᠢᠯ ᠬᠦᠷᠲᠡᠬᠦ ᠳᠤ ᠶᠠᠭᠠᠬᠢᠵᠤ ᠬᠠᠰᠤᠨ ᠰᠠᠭᠤᠳᠬᠠᠬᠤ ᠪᠣᠢ︖ | ᠲᠠᠨ ᠡᠾᠧᠩ᠄ | ᠭᠠᠶᠢᠯᠢ ᠲᠤᠰᠢᠶᠠᠭᠴᠢ ᠬᠡᠷᠪᠡ ᠰᠤᠷᠤᠯᠭ᠎ᠠ ᠶᠢᠨ ᠨᠠᠮᠲᠠᠷ ︵ᠡᠷᠳᠡᠮ ᠤᠨ ᠴᠣᠯᠠ︶ ᠤᠨ ᠦᠷᠭᠦᠯᠵᠢᠯᠡᠯ ᠰᠤᠷᠭᠠᠨ ᠬᠥᠮᠥᠵᠢᠯ ᠬᠦᠷᠲᠡᠪᠡᠯ᠂ ᠰᠠᠷ᠎ᠠ ᠪᠦᠷᠢ 400 365赢多少钱会被限额_国内有真正的365平台吗_365bet博彩官网 | ᠲᠥᠭᠦᠷᠢᠭ ᠬᠠᠰᠤᠨ ᠰᠠᠭᠤᠳᠬᠠᠵᠤ᠂ ᠠᠳᠠᠯᠢᠬᠠᠨ ᠨᠢᠭᠡᠨ ᠰᠤᠷᠤᠯᠭ᠎ᠠ ᠶᠢᠨ ᠨᠠᠮᠲᠠᠷ ︵ᠡᠷᠳᠡᠮ ᠤᠨ ᠴᠣᠯᠠ︶ ᠤᠨ ᠦᠷᠭᠦᠯᠵᠢᠯᠡᠯ ᠰᠤᠷᠭᠠᠨ ᠬᠥᠮᠥᠵᠢᠯ ᠤᠨ ᠬᠠᠰᠤᠨ | ᠰᠠᠭᠤᠳᠬᠠᠬᠤ ᠬᠤᠭᠤᠴᠠᠭᠠᠨ ᠤ ᠬᠢᠵᠠᠭᠠᠷ ᠨᠢ 48 ᠰᠠᠷ᠎ᠠ ᠠᠴᠠ ᠬᠡᠲᠦᠷᠡᠵᠦ ᠪᠣᠯᠬᠤ ᠦᠭᠡᠢ︔ ᠭᠠᠶᠢᠯᠢ ᠲᠤᠰᠢᠶᠠᠭᠴᠢ ᠬᠡᠷᠪᠡ ᠠᠵᠢᠯ ᠮᠡᠷᠭᠡᠵᠢᠯ ᠤᠨ ᠬᠢᠷᠢ ᠭᠡᠮ ᠤᠨ | ᠦᠷᠭᠦᠯᠵᠢᠯᠡᠯ ᠰᠤᠷᠭᠠᠨ ᠬᠥᠮᠥᠵᠢᠯ ᠬᠦᠷᠲᠡᠪᠡᠯ᠂ ᠬᠠᠮᠢᠶ᠎ᠠ ᠪᠦᠬᠦᠢ ᠦᠨᠡᠮᠯᠡᠯ ᠣᠯᠣᠭᠰᠠᠨ ᠲᠤᠬᠠᠢ ᠶᠢᠨ ᠵᠢᠯ ᠳᠤ᠂ 3600 ᠲᠥᠭᠦᠷᠢᠭ ᠤᠨ ᠲᠣᠭᠲᠠᠭᠰᠠᠨ ᠲᠤᠭ᠎ᠠ | ᠶᠣᠰᠣᠭᠠᠷ ᠬᠠᠰᠤᠨ ᠰᠠᠭᠤᠳᠬᠠᠨ᠎ᠠ᠃ ᠲᠡᠭᠦᠨ ᠤ ᠳᠣᠲᠣᠷ᠎ᠠ᠂ ᠠᠵᠢᠯ ᠮᠡᠷᠭᠡᠵᠢᠯ ᠤᠨ ᠬᠢᠷᠢ ᠭᠡᠮ ᠤᠨ ᠪᠣᠳᠠᠲᠠᠢ ᠬᠡᠪᠴᠢᠶ᠎ᠡ ᠶᠢ ᠬᠥᠮᠥᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠨᠡᠶᠢᠲᠡᠯᠡᠭᠰᠡᠨ ᠤᠯᠤᠰ ᠤᠨ ᠠᠵᠢᠯ ᠮᠡᠷᠭᠡᠵᠢᠯ ᠤᠨ ᠬᠢᠷᠢ ᠭᠡᠮ ᠤᠨ ᠭᠠᠷᠴᠠᠭ ᠢᠶᠠᠷ ᠪᠠᠷᠢᠮᠵᠢᠶ᠎ᠠ ᠪᠣᠯᠭᠠᠨ᠎ᠠ᠃ | ᠦᠷᠭᠦᠯᠵᠢᠯᠡᠯ ᠰᠤᠷᠭᠠᠨ ᠬᠥᠮᠥᠵᠢᠯ ᠤᠨ ᠲᠤᠰᠬᠠᠢ ᠵᠦᠢᠯ ᠤᠨ ᠨᠡᠮᠡᠯᠲᠡ ᠰᠠᠭᠤᠳᠬᠠᠯ ᠢ ᠶᠡᠷᠦ ᠳᠤ ᠪᠠᠨ ᠬᠤᠪᠢ ᠬᠥᠮᠥᠨ ᠠᠴᠠ ᠬᠠᠰᠤᠨ ᠰᠠᠭᠤᠳᠬᠠᠨ᠎ᠠ᠃ ᠭᠠᠶᠢᠯᠢ | ᠲᠤᠰᠢᠶᠠᠭᠴᠢ ᠬᠡᠷᠪᠡ ᠦᠨᠳᠦᠰᠦᠨ ᠠᠩᠭᠢ ᠵᠢᠴᠢ ᠳᠣᠷᠣᠭᠰᠢᠬᠢ ᠰᠤᠷᠤᠯᠭ᠎ᠠ ᠶᠢᠨ ᠨᠠᠮᠲᠠᠷ ︵ᠡᠷᠳᠡᠮ ᠤᠨ ᠴᠣᠯᠠ︶ ᠤᠨ ᠦᠷᠭᠦᠯᠵᠢᠯᠡᠯ ᠰᠤᠷᠭᠠᠨ ᠬᠥᠮᠥᠵᠢᠯ ᠬᠦᠷᠲᠡᠵᠦ᠂ | ᠲᠣᠭᠲᠠᠭᠰᠠᠨ ᠬᠠᠰᠤᠨ ᠰᠠᠭᠤᠳᠬᠠᠬᠤ ᠨᠥᠬᠦᠴᠡᠯ ᠳᠤ ᠨᠡᠶᠢᠴᠡᠭᠰᠡᠨ ᠪᠣᠯ᠂ ᠲᠡᠭᠦᠨ ᠤ ᠡᠴᠢᠭᠡ ᠡᠬᠡ ᠠᠴᠠ ᠬᠠᠰᠤᠨ ᠰᠠᠭᠤᠳᠬᠠᠬᠤ ᠶᠢ ᠰᠣᠩᠭᠤᠵᠤ ᠪᠣᠯᠣᠨ᠎ᠠ᠂ ᠪᠠᠰᠠ | ᠬᠤᠪᠢ ᠬᠥᠮᠥᠨ ᠠᠴᠠ ᠬᠠᠰᠤᠨ ᠰᠠᠭᠤᠳᠬᠠᠬᠤ ᠶᠢ ᠰᠣᠩᠭᠤᠵᠤ ᠪᠣᠯᠣᠨ᠎ᠠ᠃ | ᠬᠥᠲᠥᠯᠥᠭᠴᠢ᠄ | ᠣᠳᠣᠬᠠᠨ ᠳᠤ᠂ ᠣᠷᠣᠨ ᠰᠠᠭᠤᠴᠠ ᠶᠢᠨ ᠵᠢᠭᠡᠯᠡᠯᠭᠡ ᠨᠢ ᠭᠡᠷ ᠪᠦᠯᠢ ᠨᠢᠭᠡᠪᠦᠷᠢ ᠶᠢᠨ ᠨᠡᠯᠢᠶᠡᠳ ᠶᠡᠭᠡ ᠬᠡᠰᠡᠭ ᠵᠠᠷᠤᠯᠭ᠎ᠠ ᠭᠡᠵᠦ ᠬᠡᠯᠡᠵᠦ ᠪᠣᠯᠣᠨ᠎ᠠ᠃ ᠲᠡᠭᠡᠪᠡᠯ᠂ | ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢ ᠴᠣᠬᠤᠮ ᠶᠠᠭᠠᠬᠢᠵᠦ ᠬᠠᠰᠤᠨ ᠰᠠᠭᠤᠳᠬᠠᠬᠤ ᠶᠢ ᠲᠠᠨᠢᠯᠴᠠᠭᠤᠯᠤᠭᠠᠳ ᠥᠭᠭᠦᠨ᠎ᠡ ᠦᠦ︖ | ᠲᠠᠨ ᠡᠾᠧᠩ᠄ | ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠬᠠᠰᠤᠨ ᠰᠠᠭᠤᠳᠬᠠᠬᠤ ᠬᠡᠪᠴᠢᠶ᠎ᠡ ᠪᠣᠯ ᠥᠪᠡᠷ ᠢᠶᠠᠨ ᠪᠤᠶᠤ ᠬᠠᠨᠢ ᠨᠥᠬᠦᠷ᠂ ᠲᠤᠰᠠᠭᠠᠷ ᠪᠤᠶᠤ | ᠬᠠᠮᠲᠤ ᠪᠠᠷ ᠬᠤᠳᠠᠯᠳᠤᠭᠠᠨ ᠤ ᠪᠠᠩᠬᠢ ᠪᠤᠶᠤ ᠣᠷᠣᠨ ᠰᠠᠭᠤᠴᠠ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ ᠶᠢ | ᠬᠡᠷᠡᠭᠯᠡᠵᠦ᠂ ᠥᠪᠡᠷ ᠢᠶᠠᠨ ᠪᠤᠶᠤ ᠬᠠᠨᠢ ᠨᠥᠬᠦᠷ ᠲᠤ ᠪᠠᠨ ᠳᠤᠮᠳᠠᠳᠤ ᠤᠯᠤᠰ ᠤᠨ ᠬᠢᠯᠢ ᠳᠠᠬᠢ ᠣᠷᠣᠨ ᠰᠠᠭᠤᠴᠠ ᠶᠢ ᠬᠤᠳᠠᠯᠳᠤᠨ ᠠᠪᠤᠭᠰᠠᠨ ᠠᠴᠠ ᠡᠭᠦᠰᠦᠭᠰᠡᠨ | ᠬᠠᠮᠤᠭ ᠤᠨ ᠲᠦᠷᠦᠭᠦᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠵᠠᠷᠤᠯᠭ᠎ᠠ ᠪᠣᠯᠣᠨ᠎ᠠ᠃ ᠭᠠᠶᠢᠯᠢ ᠲᠤᠰᠢᠶᠠᠭᠴᠢ ᠵᠥᠪᠬᠡᠨ ᠨᠢᠭᠡ ᠯᠡ ᠤᠳᠠᠭ᠎ᠠ | ᠬᠠᠮᠤᠭ ᠤᠨ ᠲᠦᠷᠦᠭᠦᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠠᠴᠠ ᠬᠠᠰᠤᠯᠲᠠ ᠰᠠᠭᠤᠳᠬᠠᠯ ᠢ ᠬᠦᠷᠲᠡᠨ᠎ᠡ᠃ ᠵᠢᠭᠡᠯᠡᠯᠭᠡ ᠶᠢᠨ ᠭᠡᠷ᠎ᠡ ᠲᠣᠭᠲᠠᠵᠤ | ᠡᠬᠢᠯᠡᠨ ᠵᠢᠭᠡᠯᠡᠯᠭᠡ ᠶᠢᠨ ᠮᠥᠩᠭᠦ ᠪᠠᠨ ᠪᠤᠴᠠᠭᠠᠭᠰᠠᠨ ᠲᠤᠬᠠᠢ ᠶᠢᠨ ᠰᠠᠷ᠎ᠠ ᠠᠴᠠ ᠵᠢᠭᠡᠯᠡᠯᠭᠡ ᠪᠠᠨ ᠪᠦᠬᠦᠨ ᠢ ᠲᠥᠯᠥᠵᠦ ᠳᠠᠭᠤᠰᠬᠠᠭᠰᠠᠨ ᠪᠤᠶᠤ ᠵᠢᠭᠡᠯᠡᠯᠭᠡ ᠶᠢᠨ ᠭᠡᠷ᠎ᠡ ᠪᠠᠨ | ᠵᠣᠭᠰᠣᠭᠠᠭᠰᠠᠨ ᠲᠤᠬᠠᠢ ᠶᠢᠨ ᠰᠠᠷ᠎ᠠ ᠬᠦᠷᠲᠡᠯ᠎ᠡ᠂ ᠰᠠᠷ᠎ᠠ ᠪᠦᠷᠢ 1000 ᠲᠥᠭᠦᠷᠢᠭ ᠬᠠᠰᠤᠨ ᠰᠠᠭᠤᠳᠬᠠᠵᠤ ᠪᠣᠯᠣᠨ᠎ᠠ᠂ ᠬᠠᠰᠤᠨ ᠰᠠᠭᠤᠳᠬᠠᠬᠤ ᠬᠤᠭᠤᠴᠠᠭᠠᠨ ᠤ | ᠬᠢᠵᠠᠭᠠᠷ ᠨᠢ ᠬᠠᠮᠤᠭ ᠤᠨ ᠤᠷᠲᠤ ᠳᠤ ᠪᠠᠨ 240 ᠰᠠᠷ᠎ᠠ ᠠᠴᠠ ᠬᠡᠲᠦᠷᠡᠵᠦ ᠪᠣᠯᠬᠤ ᠦᠭᠡᠢ᠃ ᠡᠷ᠎ᠡ ᠡᠮ᠎ᠡ ᠬᠤᠶᠠᠷ ᠲᠠᠯ᠎ᠠ ᠪᠠᠷ ᠢᠶᠠᠨ ᠬᠡᠯᠡᠯᠴᠡᠨ ᠲᠣᠭᠲᠠᠵᠤ᠂ | ᠬᠤᠶᠠᠭᠤᠯᠠ ᠶᠢᠨ ᠨᠢᠭᠡ ᠲᠠᠯ᠎ᠠ ᠠᠴᠠ ᠬᠠᠰᠤᠨ ᠰᠠᠭᠤᠳᠬᠠᠬᠤ ᠶᠢ ᠰᠣᠩᠭᠤᠵᠤ ᠪᠣᠯᠣᠨ᠎ᠠ᠂ ᠪᠣᠳᠠᠲᠠᠢ ᠬᠠᠰᠤᠨ ᠰᠠᠭᠤᠳᠬᠠᠬᠤ ᠠᠷᠭ᠎ᠠ ᠬᠡᠯᠪᠡᠷᠢ ᠶᠢ ᠨᠢᠭᠡ ᠭᠠᠶᠢᠯᠢ | ᠲᠤᠰᠢᠶᠠᠬᠤ ᠣᠨ ᠤ ᠳᠣᠲᠣᠷ᠎ᠠ ᠬᠤᠪᠢᠷᠠᠭᠤᠯᠬᠤ ᠦᠭᠡᠢ᠃ ᠡᠷ᠎ᠡ ᠡᠮ᠎ᠡ ᠬᠤᠶᠠᠷ ᠲᠠᠯ᠎ᠠ ᠶᠢᠨ ᠬᠤᠷᠢᠮᠯᠠᠬᠤ ᠠᠴᠠ ᠡᠮᠦᠨ᠎ᠡ ᠲᠤᠰ ᠲᠤᠰ ᠣᠷᠣᠨ ᠰᠠᠭᠤᠴᠠ ᠬᠤᠳᠠᠯᠳᠤᠨ | ᠠᠪᠬᠤ ᠳᠤ ᠡᠭᠦᠰᠦᠭᠰᠡᠨ ᠬᠠᠮᠤᠭ ᠤᠨ ᠲᠦᠷᠦᠭᠦᠨ ᠤ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠵᠠᠷᠤᠯᠭ᠎ᠠ ᠶᠢ ᠬᠤᠷᠢᠮᠯᠠᠭᠰᠠᠨ ᠤ ᠳᠠᠷᠠᠭ᠎ᠠ᠂ | ᠬᠤᠳᠠᠯᠳᠤᠨ ᠠᠪᠤᠭᠰᠠᠨ ᠳᠤᠷ᠎ᠠ ᠶᠢᠨ ᠨᠢᠭᠡ ᠣᠷᠣᠨ ᠰᠠᠭᠤᠴᠠ ᠶᠢ ᠰᠣᠩᠭᠤᠵᠤ᠂ ᠬᠤᠳᠠᠯᠳᠤᠨ ᠠᠪᠤᠭᠰᠠᠨ ᠲᠠᠯ᠎ᠠ ᠠᠴᠠ ᠬᠠᠰᠤᠨ ᠰᠠᠭᠤᠳᠬᠠᠬᠤ ᠪᠠᠷᠢᠮᠵᠢᠶ᠎ᠠ ᠶᠢᠨ | 100% ᠪᠠᠷ ᠬᠠᠰᠤᠨ ᠰᠠᠭᠤᠳᠬᠠᠵᠤ ᠪᠣᠯᠣᠨ᠎ᠠ᠂ ᠪᠠᠰᠠ ᠡᠷ᠎ᠡ ᠡᠮ᠎ᠡ ᠬᠤᠶᠠᠷ ᠲᠠᠯ᠎ᠠ ᠠᠴᠠ ᠥᠪᠡᠷ ᠥᠪᠡᠷ ᠤᠨ ᠬᠤᠳᠠᠯᠳᠤᠨ ᠠᠪᠤᠭᠰᠠᠨ ᠣᠷᠣᠨ ᠰᠠᠭᠤᠴᠠ ᠶᠢᠨ | ᠬᠠᠰᠤᠨ ᠰᠠᠭᠤᠳᠬᠠᠬᠤ ᠪᠠᠷᠢᠮᠵᠢᠶ᠎ᠠ ᠶᠢᠨ 50% ᠪᠠᠷ ᠲᠤᠰ ᠲᠤᠰ ᠬᠠᠰᠤᠨ ᠰᠠᠭᠤᠳᠬᠠᠵᠤ ᠪᠣᠯᠣᠨ᠎ᠠ᠂ ᠪᠣᠳᠠᠲᠠᠢ ᠬᠠᠰᠤᠨ ᠰᠠᠭᠤᠳᠬᠠᠬᠤ ᠠᠷᠭ᠎ᠠ ᠬᠡᠯᠪᠡᠷᠢ ᠶᠢ ᠨᠢᠭᠡ | ᠭᠠᠶᠢᠯᠢ ᠲᠤᠰᠢᠶᠠᠬᠤ ᠣᠨ ᠤ ᠳᠣᠲᠣᠷ᠎ᠠ ᠬᠤᠪᠢᠷᠠᠭᠤᠯᠬᠤ ᠪᠣᠯᠬᠤ ᠦᠭᠡᠢ᠃ | ᠬᠥᠲᠥᠯᠥᠭᠴᠢ᠄ | ᠣᠷᠣᠨ ᠰᠠᠭᠤᠴᠠ ᠶᠢ ᠳᠤᠷᠠᠳᠬᠤ ᠲᠠᠢ ᠵᠡᠷᠭᠡ᠂ ᠵᠠᠷᠢᠮ ᠰᠦᠯᠵᠢᠶᠡᠨ ᠤ ᠠᠨᠳᠠ ᠣᠷᠣᠨ ᠰᠠᠭᠤᠴᠠ ᠲᠦᠷᠢᠶᠡᠰᠦᠯᠡᠬᠦ ᠶᠠᠪᠤᠳᠠᠯ ᠢ ᠠᠩᠬᠠᠷᠬᠤ ᠪᠣᠯᠣᠨ᠎ᠠ᠂ | ᠲᠡᠭᠡᠪᠡᠯ ᠲᠦᠷᠢᠶᠡᠰᠦᠨ ᠮᠥᠩᠭᠦ ᠶᠢ ᠬᠠᠰᠤᠨ ᠰᠠᠭᠤᠳᠬᠠᠵᠤ ᠪᠣᠯᠣᠨ᠎ᠠ ᠦᠦ︖ | ᠲᠠᠨ ᠡᠾᠧᠩ᠄ | ᠭᠠᠶᠢᠯᠢ ᠲᠤᠰᠢᠶᠠᠭᠴᠢ ᠶᠢᠨ ᠭᠤᠣᠯ ᠠᠵᠢᠯᠯᠠᠵᠤ ᠪᠠᠶᠢᠭ᠎ᠠ ᠬᠤᠲᠠ ᠳᠤ ᠥᠪᠡᠷ ᠤᠨ ᠣᠷᠣᠨ ᠰᠠᠭᠤᠴᠠ ᠦᠭᠡᠢ ᠠᠴᠠ ᠪᠣᠯᠵᠤ ᠡᠭᠦᠰᠦᠭᠰᠡᠨ ᠣᠷᠣᠨ | ᠰᠠᠭᠤᠴᠠ ᠶᠢᠨ ᠲᠦᠷᠢᠶᠡᠰᠦᠨ ᠮᠥᠩᠭᠦ ᠶᠢᠨ ᠵᠠᠷᠤᠯᠭ᠎ᠠ ᠶᠢ ᠣᠷᠣᠨ ᠰᠠᠭᠤᠴᠠ ᠲᠦᠷᠢᠶᠡᠰᠦᠯᠡᠬᠦ ᠭᠡᠷ᠎ᠡ ᠲᠣᠭᠲᠠᠭᠰᠠᠨ ᠲᠦᠷᠢᠶᠡᠰᠦᠯᠡᠭᠴᠢ ᠠᠴᠠ ᠬᠠᠰᠤᠨ ᠰᠠᠭᠤᠳᠬᠠᠨ᠎ᠠ᠃ | ᠰᠢᠭᠤᠳ ᠬᠠᠷᠢᠶ᠎ᠠ ᠬᠤᠲᠠ᠂ ᠮᠤᠵᠢ ᠶᠢᠨ ᠲᠥᠪ ︵ᠣᠷᠣᠨ ᠤ ᠲᠥᠪ︶ ᠬᠤᠲᠠ᠂ ᠠᠰ ᠲᠤ ᠪᠠᠨ ᠲᠥᠯᠥᠪᠯᠡᠭᠡ ᠬᠢᠬᠦ ᠬᠤᠲᠠ ᠵᠢᠴᠢ ᠲᠥᠷᠥ ᠶᠢᠨ ᠶᠠᠪᠤᠳᠠᠯ ᠤᠨ | ᠬᠤᠷᠢᠶ᠎ᠠ ᠠᠴᠠ ᠲᠣᠭᠲᠠᠭᠠᠭᠰᠠᠨ ᠪᠤᠰᠤᠳ ᠬᠤᠲᠠ ᠳᠤ᠂ ᠰᠠᠷ᠎ᠠ ᠪᠦᠷᠢ 1500 ᠲᠥᠭᠦᠷᠢᠭ ᠬᠠᠰᠤᠨ ᠰᠠᠭᠤᠳᠬᠠᠨ᠎ᠠ︔ ᠳᠡᠭᠡᠷ᠎ᠡ ᠶᠠᠷᠢᠭᠰᠠᠨ ᠬᠤᠲᠠ ᠠᠴᠠ ᠭᠠᠳᠠᠨ᠎ᠠ᠂ | ᠬᠤᠲᠠ ᠶᠢᠨ ᠬᠠᠷᠢᠶ᠎ᠠ ᠲᠣᠭᠤᠷᠢᠭ ᠤᠨ ᠡᠷᠦᠬᠡ ᠠᠮᠠ ᠶᠢᠨ ᠬᠠᠷᠢᠶ᠎ᠠ ᠲᠠᠢ ᠬᠥᠮᠥᠨ ᠠᠮᠠ ᠨᠢ 100 ᠲᠦᠮᠡ ᠶᠢ ᠳᠠᠪᠠᠭᠰᠠᠨ ᠬᠤᠲᠠ ᠳᠤ᠂ ᠰᠠᠷ᠎ᠠ ᠪᠦᠷᠢ 1100 | ᠲᠥᠭᠦᠷᠢᠭ ᠬᠠᠰᠤᠨ ᠰᠠᠭᠤᠳᠬᠠᠨ᠎ᠠ︔ ᠬᠤᠲᠠ ᠶᠢᠨ ᠬᠠᠷᠢᠶ᠎ᠠ ᠲᠣᠭᠤᠷᠢᠭ ᠤᠨ ᠡᠷᠦᠬᠡ ᠠᠮᠠ ᠶᠢᠨ ᠬᠠᠷᠢᠶ᠎ᠠ ᠲᠠᠢ ᠬᠥᠮᠥᠨ ᠠᠮᠠ ᠨᠢ 100 ᠲᠦᠮᠡ ᠬᠦᠷᠬᠦ ᠦᠭᠡᠢ | ᠬᠤᠲᠠ ᠳᠤ᠂ ᠰᠠᠷ᠎ᠠ ᠪᠦᠷᠢ 800 ᠲᠥᠭᠦᠷᠢᠭ ᠬᠠᠰᠤᠨ ᠰᠠᠭᠤᠳᠬᠠᠨ᠎ᠠ᠃ ᠬᠡᠷᠪᠡ ᠡᠷ᠎ᠡ ᠡᠮ᠎ᠡ ᠬᠤᠶᠠᠷ ᠲᠠᠯ᠎ᠠ ᠶᠢᠨ ᠭᠤᠣᠯ ᠠᠵᠢᠯᠯᠠᠵᠤ ᠪᠠᠶᠢᠭ᠎ᠠ ᠬᠤᠲᠠ ᠨᠢ | ᠠᠳᠠᠯᠢᠬᠠᠨ ᠪᠣᠯ᠂ ᠵᠥᠪᠬᠡᠨ ᠨᠢᠭᠡ ᠲᠠᠯ᠎ᠠ ᠠᠴᠠ ᠬᠠᠰᠤᠨ ᠰᠠᠭᠤᠳᠬᠠᠨ᠎ᠠ᠃ ᠬᠠᠰᠤᠨ ᠰᠠᠭᠤᠳᠬᠠᠬᠤ ᠬᠤᠭᠤᠴᠠᠭᠠᠨ ᠤ ᠬᠢᠵᠠᠭᠠᠷ ᠨᠢ ᠲᠦᠷᠢᠶᠡᠰᠦᠯᠡᠬᠦ ᠭᠡᠷ᠎ᠡ ︵ | ᠬᠡᠯᠡᠯᠴᠡᠭᠡᠷ︶ ᠲᠣᠭᠲᠠᠭᠰᠠᠨ ᠭᠡᠷ ᠪᠠᠶᠢᠰᠢᠩ ᠲᠦᠷᠢᠶᠡᠰᠦᠯᠡᠬᠦ ᠬᠤᠭᠤᠴᠠᠭ᠎ᠠ ᠡᠬᠢᠯᠡᠭᠰᠡᠨ ᠲᠤᠬᠠᠢ ᠶᠢᠨ ᠰᠠᠷ᠎ᠠ ᠠᠴᠠ ᠲᠦᠷᠢᠶᠡᠰᠦᠯᠡᠬᠦ ᠬᠤᠭᠤᠴᠠᠭ᠎ᠠ ᠳᠠᠭᠤᠰᠬᠤ | ᠲᠤᠬᠠᠢ ᠶᠢᠨ ᠰᠠᠷ᠎ᠠ ᠪᠣᠯᠲᠠᠯᠠᠬᠢ ᠬᠤᠭᠤᠴᠠᠭ᠎ᠠ ᠪᠣᠯᠣᠨ᠎ᠠ᠃ ᠤᠷᠢᠳᠴᠢᠯᠠᠨ ᠭᠡᠷ᠎ᠡ ᠪᠠᠨ ᠵᠣᠭᠰᠣᠭᠠᠪᠠᠯ᠂ ᠪᠣᠳᠠᠲᠠᠢ ᠲᠦᠷᠢᠶᠡᠰᠦᠯᠡᠭᠰᠡᠨ ᠬᠤᠭᠤᠴᠠᠭᠠᠨ ᠤ ᠬᠢᠵᠠᠭᠠᠷ ᠢᠶᠠᠷ | ᠪᠠᠷᠢᠮᠵᠢᠶ᠎ᠠ ᠪᠣᠯᠭᠠᠨ᠎ᠠ᠃ ᠠᠩᠬᠠᠷᠬᠤ ᠴᠢᠬᠤᠯᠠᠲᠠᠢ ᠵᠦᠢᠯ ᠭᠡᠪᠡᠯ᠂ ᠭᠠᠶᠢᠯᠢ ᠲᠤᠰᠢᠶᠠᠭᠴᠢ ᠵᠢᠴᠢ ᠬᠠᠨᠢ ᠨᠥᠬᠦᠷ ᠨᠢ ᠨᠢᠭᠡ ᠭᠠᠶᠢᠯᠢ ᠲᠤᠰᠢᠶᠠᠬᠤ ᠣᠨ ᠤ ᠳᠣᠲᠣᠷ᠎ᠠ | ᠬᠠᠮᠲᠤ ᠳᠤ ᠪᠠᠨ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠪᠠ ᠣᠷᠣᠨ ᠰᠠᠭᠤᠴᠠ ᠶᠢᠨ ᠲᠦᠷᠢᠶᠡᠰᠦᠨ ᠮᠥᠩᠭᠦ ᠶᠢᠨ ᠲᠤᠰᠬᠠᠢ ᠵᠦᠢᠯ ᠤᠨ ᠨᠡᠮᠡᠯᠲᠡ | ᠰᠠᠭᠤᠳᠬᠠᠯ ᠢ ᠲᠤᠰ ᠲᠤᠰ ᠬᠦᠷᠲᠡᠵᠦ ᠪᠣᠯᠬᠤ ᠦᠭᠡᠢ᠃ | ᠬᠥᠲᠥᠯᠥᠭᠴᠢ᠄ | ᠥᠷᠭᠡᠨ ᠣᠯᠠᠨ ᠰᠦᠯᠵᠢᠶᠡᠨ ᠤ ᠠᠨᠳᠠ ᠶᠢᠨ ᠮᠠᠰᠢ ᠠᠩᠬᠠᠷᠤᠯ ᠲᠠᠯᠪᠢᠵᠤ ᠪᠠᠶᠢᠭ᠎ᠠ ᠪᠠᠰᠠ ᠨᠢᠭᠡᠨ ᠰᠡᠳᠦᠪ ᠪᠣᠯ ᠳᠠᠷᠤᠢ ᠲᠤᠰ ᠤᠳᠠᠭᠠᠨ ᠤ ᠬᠤᠪᠢ ᠬᠥᠮᠥᠨ ᠤ | ᠠᠰᠢᠭ ᠣᠯᠵᠠᠪᠤᠷᠢ ᠶᠢᠨ ᠭᠠᠶᠢᠯᠢ ᠶᠢᠨ ᠥᠭᠡᠷᠡᠴᠢᠯᠡᠯᠲᠡ ᠶᠢᠨ ᠨᠠᠰᠤᠲᠠᠨ ᠢᠶᠠᠨ ᠠᠰᠠᠷᠠᠬᠤ ᠵᠠᠷᠤᠯᠭ᠎ᠠ ᠶᠢ ᠴᠤ ᠬᠠᠰᠤᠨ ᠰᠠᠭᠤᠳᠬᠠᠬᠤ ᠬᠡᠪᠴᠢᠶᠡᠨ ᠳᠤ ᠣᠷᠣᠭᠤᠯᠤᠭᠰᠠᠨ | ᠶᠠᠪᠤᠳᠠᠯ ᠪᠣᠯᠣᠨ᠎ᠠ᠃ ᠨᠠᠰᠤᠲᠠᠨ ᠢᠶᠠᠨ ᠠᠰᠠᠷᠠᠬᠤ ᠡᠨᠡ ᠬᠦ ᠵᠦᠢᠯ ᠤᠨ ᠵᠠᠷᠤᠯᠭ᠎ᠠ ᠶᠢ ᠴᠣᠬᠤᠮ ᠶᠠᠭᠠᠬᠢᠵᠤ ᠲᠣᠭᠲᠠᠭᠠᠬᠤ ᠶᠢ ᠲᠠᠨᠢᠯᠴᠠᠭᠤᠯᠤᠭᠠᠳ ᠥᠭᠭᠦᠨ᠎ᠡ ᠦᠦ︖ | ᠲᠠᠨ ᠡᠾᠧᠩ᠄ | ᠡᠩ ᠲᠡᠷᠢᠭᠦᠨ ᠳᠤ᠂ ᠠᠰᠠᠷᠠᠭᠳᠠᠭᠴᠢ ᠭᠡᠳᠡᠭ ᠪᠣᠯ ᠪᠦᠬᠦᠯᠢ 60 ᠨᠠᠰᠤ ᠬᠦᠷᠦᠭᠰᠡᠨ ᠡᠴᠢᠭᠡ ᠡᠬᠡ᠂ ᠵᠢᠴᠢ ᠦᠷ᠎ᠡ ᠬᠡᠦᠬᠡᠳ ᠨᠢ ᠪᠦᠷ ᠨᠢᠭᠡᠨᠲᠡ ᠨᠠᠰᠤ | ᠪᠠᠷᠠᠭᠰᠠᠨ ᠪᠦᠬᠦᠯᠢ 60 ᠨᠠᠰᠤ ᠬᠦᠷᠦᠭᠰᠡᠨ ᠡᠪᠦᠭᠡ ᠡᠮᠡᠭᠡ᠂ ᠨᠠᠭᠠᠴᠤ ᠡᠪᠦᠭᠡ ᠨᠠᠭᠠᠴᠤ ᠡᠮᠡᠭᠡ ᠶᠢ ᠵᠢᠭᠠᠵᠤ ᠪᠠᠶᠢᠨ᠎ᠠ᠃ ᠳᠡᠳ᠋ᠯᠡᠪᠡᠯ᠂ ᠭᠠᠶᠢᠯᠢ ᠲᠤᠰᠢᠶᠠᠭᠴᠢ ᠨᠢ | ᠦᠷ᠎ᠡ ᠶᠢᠨ ᠭᠠᠭᠴᠠ ᠬᠡᠦᠬᠡᠳ ᠪᠣᠯ᠂ ᠰᠠᠷ᠎ᠠ ᠪᠦᠷᠢ 2000 ᠲᠥᠭᠦᠷᠢᠭ ᠤᠨ ᠲᠣᠭᠲᠠᠭᠰᠠᠨ ᠲᠣᠭᠠᠨ ᠤ ᠪᠠᠷᠢᠮᠵᠢᠶ᠎ᠠ ᠪᠠᠷ ᠬᠠᠰᠤᠨ ᠰᠠᠭᠤᠳᠬᠠᠨ᠎ᠠ︔ ᠭᠠᠶᠢᠯᠢ | ᠲᠤᠰᠢᠶᠠᠭᠴᠢ ᠨᠢ ᠦᠷ᠎ᠡ ᠶᠢᠨ ᠭᠠᠭᠴᠠ ᠬᠡᠦᠬᠡᠳ ᠪᠢᠰᠢ ᠪᠣᠯ᠂ ᠲᠡᠭᠦᠨ ᠤ ᠠᠬ᠎ᠠ ᠳᠡᠭᠦᠦ ᠡᠭᠡᠴᠢ ᠳᠡᠭᠦᠦ ᠲᠠᠢ ᠪᠠᠨ ᠰᠠᠷ᠎ᠠ ᠪᠦᠷᠢ ᠶᠢᠨ 2000 ᠲᠥᠭᠦᠷᠢᠭ ᠤᠨ | ᠬᠠᠰᠤᠨ ᠰᠠᠭᠤᠳᠬᠠᠬᠤ ᠲᠤᠭ᠎ᠠ ᠬᠡᠮᠵᠢᠶ᠎ᠡ ᠶᠢ ᠲᠡᠭᠰᠢ ᠪᠠᠷ ᠬᠤᠪᠢᠶᠠᠯᠴᠠᠵᠤ᠂ ᠬᠥᠮᠥᠨ ᠨᠢᠭᠡᠪᠦᠷᠢ ᠶᠢᠨ ᠲᠡᠭᠰᠢ ᠪᠠᠷ ᠬᠤᠪᠢᠶᠠᠯᠴᠠᠬᠤ ᠲᠤᠭ᠎ᠠ ᠬᠡᠮᠵᠢᠶ᠎ᠡ ᠨᠢ ᠰᠠᠷ᠎ᠠ | ᠪᠦᠷᠢ ᠶᠢᠨ 1000 ᠲᠥᠭᠦᠷᠢᠭ ᠢ ᠬᠡᠲᠦᠷᠡᠵᠦ ᠪᠣᠯᠬᠤ ᠦᠭᠡᠢ᠃ ᠠᠰᠠᠷᠠᠭᠴᠢᠳ ᠠᠴᠠ ᠲᠡᠭᠰᠢ ᠪᠠᠷ ᠬᠤᠪᠢᠶᠠᠯᠴᠠᠬᠤ ᠪᠤᠶᠤ ᠬᠡᠯᠡᠯᠴᠡᠨ ᠲᠣᠬᠢᠷᠠᠯᠴᠠᠵᠤ ᠬᠤᠪᠢᠶᠠᠯᠴᠠᠨ | ᠬᠦᠷᠲᠡᠵᠦ ᠪᠣᠯᠣᠨ᠎ᠠ᠂ ᠪᠠᠰᠠ ᠠᠰᠠᠷᠠᠭᠳᠠᠭᠴᠢ ᠠᠴᠠ ᠵᠢᠭᠠᠨ ᠲᠣᠭᠲᠠᠭᠠᠵᠤ ᠬᠤᠪᠢᠶᠠᠯᠴᠠᠵᠤ ᠪᠣᠯᠣᠨ᠎ᠠ᠃ ᠬᠡᠯᠡᠯᠴᠡᠨ ᠲᠣᠬᠢᠷᠠᠯᠴᠠᠬᠤ ᠪᠤᠶᠤ ᠵᠢᠭᠠᠨ ᠲᠣᠭᠲᠠᠭᠠᠵᠤ | ᠬᠤᠪᠢᠶᠠᠯᠴᠠᠬᠤ ᠳᠤ ᠪᠢᠴᠢᠭ ᠢᠶᠠᠷ ᠬᠤᠪᠢᠶᠠᠯᠴᠠᠬᠤ ᠬᠡᠯᠡᠯᠴᠡᠭᠡᠷ ᠲᠣᠭᠲᠠᠵᠤ᠂ ᠵᠢᠭᠠᠨ ᠲᠣᠭᠲᠠᠭᠠᠵᠤ ᠬᠤᠪᠢᠶᠠᠯᠴᠠᠬᠤ ᠶᠢ ᠬᠡᠯᠡᠯᠴᠡᠨ ᠲᠣᠬᠢᠷᠠᠯᠴᠠᠵᠤ ᠬᠤᠪᠢᠶᠠᠯᠴᠠᠬᠤ ᠠᠴᠠ | ᠤᠷᠢᠳ ᠢᠶᠠᠷ ᠪᠣᠳᠣᠯᠬᠢᠯᠠᠨ᠎ᠠ᠃ ᠪᠣᠳᠠᠲᠠᠢ ᠬᠤᠪᠢᠶᠠᠯᠴᠠᠬᠤ ᠠᠷᠭ᠎ᠠ ᠬᠡᠯᠪᠡᠷᠢ ᠪᠠ ᠲᠤᠭ᠎ᠠ ᠬᠡᠮᠵᠢᠶ᠎ᠡ ᠶᠢ ᠨᠢᠭᠡ ᠭᠠᠶᠢᠯᠢ ᠲᠤᠰᠢᠶᠠᠬᠤ ᠣᠨ ᠤ ᠳᠣᠲᠣᠷ᠎ᠠ ᠬᠤᠪᠢᠷᠠᠭᠤᠯᠵᠤ | ᠪᠣᠯᠬᠤ ᠦᠭᠡᠢ᠃ ᠭᠤᠷᠪᠠᠳᠤᠭᠠᠷ ᠲᠤ᠂ ᠬᠠᠰᠤᠨ ᠰᠠᠭᠤᠳᠬᠠᠬᠤ ᠬᠤᠭᠤᠴᠠᠭᠠᠨ ᠤ ᠬᠢᠵᠠᠭᠠᠷ ᠨᠢ ᠠᠰᠠᠷᠠᠭᠳᠠᠭᠴᠢ ᠶᠢᠨ ᠪᠦᠬᠦᠯᠢ 60 ᠨᠠᠰᠤ ᠬᠦᠷᠦᠭᠰᠡᠨ ᠲᠤᠬᠠᠢ ᠶᠢᠨ | ᠰᠠᠷ᠎ᠠ ᠠᠴᠠ ᠠᠰᠠᠷᠠᠬᠤ ᠡᠭᠦᠷᠭᠡ ᠨᠢ ᠳᠠᠭᠤᠰᠤᠭᠰᠠᠨ ᠵᠢᠯ ᠤᠨ ᠰᠡᠭᠦᠯᠴᠢ ᠬᠦᠷᠲᠡᠯᠡᠬᠢ ᠬᠤᠭᠤᠴᠠᠭ᠎ᠠ ᠪᠣᠯᠣᠨ᠎ᠠ᠃ | ᠵᠢᠱᠢᠶᠡᠯᠡᠪᠡᠯ᠂ ᠶᠠᠩ ᠠᠪᠤᠭᠠᠢ ᠶᠢᠨ ᠡᠴᠢᠭᠡ ᠡᠬᠡ ᠨᠢ ᠨᠢᠭᠡᠨᠲᠡ 60 ᠨᠠᠰᠤ ᠶᠢ ᠳᠠᠪᠠᠵᠤ᠂ ᠶᠠᠩ ᠠᠪᠤᠭᠠᠢ ᠥᠪᠡᠷ ᠢᠶᠠᠨ ᠴᠤ ᠦᠷ᠎ᠡ ᠶᠢᠨ ᠭᠠᠭᠴᠠ ᠬᠡᠦᠬᠡᠳ | ᠪᠣᠯ᠂ ᠲᠡᠷᠡ ᠰᠠᠷ᠎ᠠ ᠪᠦᠷᠢ 2000 ᠲᠥᠭᠦᠷᠢᠭ ᠬᠠᠰᠤᠨ ᠰᠠᠭᠤᠳᠬᠠᠵᠤ ᠪᠣᠯᠣᠨ᠎ᠠ︔ ᠬᠡᠷᠪᠡ ᠲᠡᠭᠦᠨ ᠳᠤ ᠨᠢᠭᠡ ᠳᠡᠭᠦᠦ ᠪᠠᠶᠢᠭᠰᠠᠨ ᠪᠣᠯ᠂ ᠬᠤᠶᠠᠭᠤᠯᠠ ᠪᠠᠨ 2000 | ᠲᠥᠭᠦᠷᠢᠭ ᠢ ᠬᠤᠪᠢᠶᠠᠯᠴᠠᠵᠤ ᠬᠠᠰᠤᠨ ᠰᠠᠭᠤᠳᠬᠠᠵᠤ ᠪᠣᠯᠣᠨ᠎ᠠ︔ ᠪᠠᠰᠠ ᠵᠢᠱᠢᠶᠡᠯᠡᠪᠡᠯ᠂ ᠭᠤᠣᠯᠳᠠᠭᠤ ᠶᠠᠩ ᠠᠪᠤᠭᠠᠢ ᠡᠴᠢᠭᠡ ᠡᠬᠡ ᠪᠠᠨ ᠠᠰᠠᠷᠠᠵᠤ ᠪᠠᠶᠢᠪᠠᠯ᠂ | ᠡᠴᠢᠭᠡ ᠡᠬᠡ ᠪᠠᠨ ᠠᠰᠠᠷᠠᠬᠤ 2000 ᠲᠥᠭᠦᠷᠢᠭ ᠢ ᠪᠦᠬᠦᠨ ᠢ ᠶᠠᠩ ᠠᠪᠤᠭᠠᠢ ᠠᠴᠠ ᠬᠠᠰᠤᠨ ᠰᠠᠭᠤᠳᠬᠠᠵᠤ ᠪᠣᠯᠣᠨ᠎ᠠ ᠦᠦ︖ ᠭᠡᠪᠡᠯ ᠶᠠᠷᠢᠶᠠᠨ ᠦᠭᠡᠢ ᠪᠣᠯᠬᠤ | ᠦᠭᠡᠢ᠂ ᠤᠴᠢᠷ ᠨᠢ ᠬᠥᠮᠥᠨ ᠪᠦᠷᠢ ᠶᠢᠨ ᠬᠤᠪᠢᠶᠠᠯᠴᠠᠬᠤ ᠲᠤᠭ᠎ᠠ ᠬᠡᠮᠵᠢᠶ᠎ᠡ ᠨᠢ ᠰᠠᠷ᠎ᠠ ᠪᠦᠷᠢ ᠶᠢᠨ 1000 ᠲᠥᠭᠦᠷᠢᠭ ᠠᠴᠠ ᠬᠡᠲᠦᠷᠡᠵᠦ ᠪᠣᠯᠬᠤ ᠦᠭᠡᠢ᠃ | ᠬᠥᠲᠥᠯᠥᠭᠴᠢ᠄ | ᠲᠠᠨ ᠤ ᠰᠠᠶ᠋ᠢᠬᠠᠨ ᠤ ᠶᠠᠷᠢᠭᠰᠠᠨ ᠬᠡᠳᠦᠨ ᠵᠦᠢᠯ ᠤᠨ ᠲᠤᠰᠬᠠᠢ ᠵᠦᠢᠯ ᠤᠨ ᠨᠡᠮᠡᠯᠲᠡ ᠰᠠᠭᠤᠳᠬᠠᠯ ᠤᠨ ᠪᠠᠷᠢᠮᠵᠢᠶ᠎ᠠ ᠶᠢ ᠳ᠋ᠦᠩᠨᠡᠪᠡᠯ᠂ ᠪᠦᠷ ᠲᠣᠭᠲᠠᠭᠰᠠᠨ | ᠲᠣᠭᠠᠨ ᠤ ᠰᠠᠭᠤᠳᠬᠠᠯ ᠪᠣᠯᠣᠨ᠎ᠠ᠂ ᠳᠠᠷᠤᠢ ᠪᠣᠳᠠᠲᠠᠢ ᠳᠡᠭᠡᠷ᠎ᠡ ᠪᠠᠨ ᠬᠡᠳᠦᠢ ᠰᠦᠢᠳᠬᠡᠯ ᠡᠭᠦᠰᠦᠭᠰᠡᠨ ᠢ ᠪᠣᠳᠣᠯᠬᠢᠯᠠᠬᠤ ᠴᠢᠬᠤᠯᠠ ᠦᠭᠡᠢ᠂ ᠢᠩᠭᠢᠵᠦ ᠣᠶᠢᠯᠠᠭᠠᠬᠤ ᠨᠢ | ᠲᠠᠭᠠᠷᠠᠨ᠎ᠠ ᠦᠦ︖ ᠲᠡᠭᠡᠪᠡᠯ ᠦᠨᠡᠨ ᠪᠣᠳᠠᠲᠠᠢ ᠪᠠᠷ ᠬᠠᠰᠤᠨ ᠰᠠᠭᠤᠳᠬᠠᠬᠤ ᠲᠥᠷᠥᠯ ᠵᠦᠢᠯ ᠪᠠᠶᠢᠨ᠎ᠠ ᠦᠦ︖ | ᠲᠠᠨ ᠡᠾᠧᠩ᠄ | ᠢᠩᠭᠢᠵᠦ ᠣᠶᠢᠯᠠᠭᠠᠵᠤ ᠪᠠᠶᠢᠬᠤ ᠴᠢᠨᠢ ᠲᠠᠭᠠᠷᠠᠵᠤ ᠪᠠᠶᠢᠨ᠎ᠠ᠃ ᠪᠢᠳᠡ ᠲᠤᠰ ᠤᠳᠠᠭᠠᠨ ᠤ ᠬᠤᠪᠢ ᠬᠥᠮᠥᠨ ᠤ ᠠᠰᠢᠭ ᠣᠯᠵᠠᠪᠤᠷᠢ ᠶᠢᠨ ᠭᠠᠶᠢᠯᠢ ᠶᠢᠨ | ᠥᠭᠡᠷᠡᠴᠢᠯᠡᠯᠲᠡ ᠳᠤ ᠨᠡᠶᠢᠲᠡ ᠵᠢᠷᠭᠤᠭᠠᠨ ᠲᠤᠰᠬᠠᠢ ᠵᠦᠢᠯ ᠤᠨ ᠨᠡᠮᠡᠯᠲᠡ ᠰᠠᠭᠤᠳᠬᠠᠯ ᠪᠠᠶᠢᠨ᠎ᠠ ᠭᠡᠵᠦ ᠶᠠᠷᠢᠪᠠ᠂ ᠰᠠᠶ᠋ᠢᠬᠠᠨ ᠤ ᠶᠠᠷᠢᠭᠰᠠᠨ ᠦᠷ᠎ᠡ ᠬᠡᠦᠬᠡᠳ ᠤᠨ | ᠰᠤᠷᠭᠠᠨ ᠬᠥᠮᠥᠵᠢᠯ᠂ ᠦᠷᠭᠦᠯᠵᠢᠯᠡᠯ ᠰᠤᠷᠭᠠᠨ ᠬᠥᠮᠥᠵᠢᠯ᠂ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ᠂ ᠣᠷᠣᠨ ᠰᠠᠭᠤᠴᠠ ᠶᠢᠨ ᠲᠦᠷᠢᠶᠡᠰᠦᠨ ᠮᠥᠩᠭᠦ | ᠪᠠ ᠨᠠᠰᠤᠲᠠᠨ ᠢᠶᠠᠨ ᠠᠰᠠᠷᠠᠨ ᠲᠡᠵᠢᠭᠡᠬᠦ ᠨᠢ ᠪᠦᠷ ᠲᠣᠭᠲᠠᠭᠰᠠᠨ ᠲᠣᠭᠠᠨ ᠤ ᠰᠠᠭᠤᠳᠬᠠᠯ ᠪᠣᠯᠬᠤ ᠪᠠᠷ ᠪᠠᠷᠠᠬᠤ ᠦᠭᠡᠢ᠂ ᠨᠢᠭᠡ ᠵᠦᠢᠯ ᠤᠨ ᠦᠨᠡᠨ ᠪᠣᠳᠠᠲᠠᠢ ᠪᠠᠷ | ᠰᠠᠭᠤᠳᠬᠠᠬᠤ ᠵᠦᠢᠯ ᠪᠠᠶᠢᠨ᠎ᠠ᠃ ᠲᠤᠬᠠᠶᠢᠯᠠᠪᠠᠯ᠄ ᠬᠦᠨᠳᠦ ᠡᠪᠡᠳᠴᠢᠨ ᠤ ᠡᠮᠴᠢᠯᠡᠭᠡ ᠪᠣᠯᠣᠨ᠎ᠠ᠃ ᠵᠢᠯ ᠪᠦᠷᠢ ᠶᠢᠨ 1 ᠳ᠋ᠦ᠋ᠭᠡᠷ ᠰᠠᠷ᠎ᠠ ᠶᠢᠨ 1 ᠤ ᠡᠳᠦᠷ ᠠᠴᠠ 12 | ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠦᠨᠳᠦᠰᠦᠨ ᠡᠮᠴᠢᠯᠡᠭᠡ ᠶᠢᠨ ᠳᠠᠭᠠᠳᠬᠠᠯ ᠲᠠᠢ ᠬᠠᠮᠢᠶ᠎ᠠ ᠪᠦᠬᠦᠢ ᠡᠮᠨᠡᠯᠭᠡ ᠶᠢᠨ ᠰᠦᠢᠳᠬᠡᠯ ᠢ ᠬᠠᠰᠤᠨ ᠰᠠᠭᠤᠳᠬᠠᠭᠰᠠᠨ | ᠡᠮᠴᠢᠯᠡᠭᠡ ᠶᠢᠨ ᠳᠠᠭᠠᠳᠬᠠᠯ ᠤᠨ ᠳᠠᠩᠰᠠ ᠶᠢ ᠲᠠᠶᠢᠯᠤᠭᠰᠠᠨ ᠤ ᠳᠠᠷᠠᠭ᠎ᠠ ᠬᠤᠪᠢ ᠬᠥᠮᠥᠨ ᠤ ᠡᠭᠦᠷᠭᠡᠯᠡᠯ ᠨᠢ ᠨᠡᠶᠢᠲᠡ 15000 ᠲᠥᠭᠦᠷᠢᠭ ᠢ ᠬᠡᠲᠦᠷᠡᠭᠰᠡᠨ | ᠮᠥᠷᠲᠡᠭᠡᠨ 80000 ᠲᠥᠭᠦᠷᠢᠭ ᠢ ᠥᠯᠥ ᠬᠡᠲᠦᠷᠡᠭᠰᠡᠨ ᠪᠣᠯ᠂ ᠭᠠᠶᠢᠯᠢ ᠲᠤᠰᠢᠶᠠᠭᠴᠢ ᠠᠴᠠ ᠣᠨ ᠤ ᠬᠤᠷᠢᠶᠠᠩᠭᠤᠶᠢᠯᠠᠨ ᠪᠣᠳᠣᠵᠤ ᠳ᠋ᠦᠩᠨᠡᠨ ᠲᠤᠰᠢᠶᠠᠬᠤ ᠶᠢ | ᠭᠦᠢᠴᠡᠳᠬᠡᠬᠦ ᠦᠶ᠎ᠡ ᠳᠤ᠂ 80000 ᠲᠥᠭᠦᠷᠢᠭ ᠤᠨ ᠲᠣᠭᠲᠠᠭᠰᠠᠨ ᠲᠣᠭᠠᠨ ᠤ ᠳᠣᠲᠣᠷ᠎ᠠ ᠦᠨᠡᠨ ᠪᠣᠳᠠᠲᠠᠢ ᠪᠠᠷ ᠬᠠᠰᠤᠨ ᠰᠠᠭᠤᠳᠬᠠᠨ᠎ᠠ᠃ ᠭᠠᠶᠢᠯᠢ | ᠲᠤᠰᠢᠶᠠᠭᠴᠢ ᠶᠢᠨ ᠡᠭᠦᠰᠦᠭᠰᠡᠨ ᠡᠮᠨᠡᠯᠭᠡ ᠶᠢᠨ ᠰᠦᠢᠳᠬᠡᠯ ᠤᠨ ᠵᠠᠷᠤᠯᠭ᠎ᠠ ᠶᠢ ᠬᠤᠪᠢ ᠬᠥᠮᠥᠨ ᠪᠤᠶᠤ ᠬᠠᠨᠢ ᠨᠥᠬᠦᠷ ᠠᠴᠠ ᠨᠢ ᠬᠠᠰᠤᠨ ᠰᠠᠭᠤᠳᠬᠠᠬᠤ ᠶᠢ ᠰᠣᠩᠭᠤᠵᠤ | ᠪᠣᠯᠣᠨ᠎ᠠ︔ ᠨᠠᠰᠤᠨ ᠳᠤ ᠬᠦᠷᠦᠭᠡᠳᠦᠢ ᠦᠷ᠎ᠡ ᠬᠡᠦᠬᠡᠳ ᠠᠴᠠ ᠡᠭᠦᠰᠦᠭᠰᠡᠨ ᠡᠮᠨᠡᠯᠭᠡ ᠶᠢᠨ ᠰᠦᠢᠳᠬᠡᠯ ᠤᠨ ᠵᠠᠷᠤᠯᠭ᠎ᠠ ᠳᠤ ᠲᠡᠭᠦᠨ ᠤ ᠡᠴᠢᠭᠡ ᠡᠬᠡ ᠶᠢᠨ ᠬᠢᠨᠢ ᠨᠢᠭᠡ | ᠲᠠᠯ᠎ᠠ ᠠᠴᠠ ᠬᠠᠰᠤᠨ ᠰᠠᠭᠤᠳᠬᠠᠬᠤ ᠶᠢ ᠰᠣᠩᠭᠤᠵᠤ ᠪᠣᠯᠣᠨ᠎ᠠ᠃ ᠶᠠᠷᠢᠶᠠᠨ ᠦᠭᠡᠢ᠂ ᠡᠨᠡ ᠬᠦ ᠬᠡᠰᠡᠭ ᠬᠤᠪᠢ ᠬᠥᠮᠥᠨ ᠤ ᠡᠭᠦᠷᠭᠡᠯᠡᠯ ᠪᠣᠯ ᠳᠠᠷᠤᠢ ᠡᠮᠴᠢᠯᠡᠭᠡ ᠶᠢᠨ | ᠳᠠᠭᠠᠳᠬᠠᠯ ᠤᠨ ᠭᠠᠷᠴᠠᠭ ᠤᠨ ᠬᠡᠪᠴᠢᠶᠡᠨ ᠳᠣᠲᠣᠷᠠᠬᠢ ᠥᠪᠡᠷ ᠢᠶᠠᠨ ᠲᠤᠰᠢᠶᠠᠬᠤ ᠬᠡᠰᠡᠭ ᠪᠠᠶᠢᠵᠤ᠂ ᠡᠮᠨᠡᠯᠭᠡ ᠶᠢᠨ ᠦᠢᠯᠡᠴᠢᠯᠡᠭᠡ ᠶᠢᠨ ᠰᠦᠢᠳᠬᠡᠯ ᠵᠢᠴᠢ | ᠡᠮᠴᠢᠯᠡᠭᠡ ᠶᠢᠨ ᠳᠠᠭᠠᠳᠬᠠᠯ ᠤᠨ ᠳᠠᠩᠰᠠ ᠶᠢ ᠲᠠᠶᠢᠯᠤᠭᠰᠠᠨ ᠬᠠᠮᠢᠶ᠎ᠠ ᠪᠦᠬᠦᠢ ᠪᠠᠷᠢᠮᠲᠠ ᠶᠢᠨ ᠤᠤᠯ ᠮᠠᠲ᠋ᠧᠷᠢᠶᠠᠯ ᠪᠤᠶᠤ ᠬᠠᠭᠤᠯᠪᠤᠷᠢ ᠶᠢ ᠦᠯᠡᠳᠡᠭᠡᠨ ᠬᠠᠳᠠᠭᠠᠯᠠᠬᠤ | ᠴᠢᠬᠤᠯᠠᠲᠠᠢ᠃ | ᠬᠥᠲᠥᠯᠥᠭᠴᠢ᠄ | ᠲᠡᠭᠡᠪᠡᠯ ᠬᠤᠪᠢ ᠬᠥᠮᠥᠨ ᠪᠣᠯᠣᠭᠰᠠᠨ ᠤ ᠬᠤᠪᠢ ᠳᠤ᠂ ᠡᠨᠡ ᠬᠦ ᠵᠢᠷᠭᠤᠭᠠᠨ ᠲᠤᠰᠬᠠᠢ ᠵᠦᠢᠯ ᠤᠨ ᠨᠡᠮᠡᠯᠲᠡ ᠰᠠᠭᠤᠳᠬᠠᠯ ᠢ ᠬᠡᠷᠬᠢᠨ ᠭᠤᠶᠤᠴᠢᠯᠠᠨ ᠮᠡᠳᠡᠭᠦᠯᠬᠦ | ᠪᠣᠢ︖ | ᠲᠠᠨ ᠡᠾᠧᠩ᠄ | ᠭᠠᠶᠢᠯᠢ ᠲᠤᠰᠢᠶᠠᠭᠴᠢ ᠴᠠᠭᠠᠰᠤᠨ ᠬᠦᠰᠦᠨᠦᠭ᠂ ᠡᠯᠧᠺᠲᠷᠣᠨ ᠵᠠᠭᠪᠤᠷ᠂ ᠠᠯᠤᠰ ᠵᠠᠢ ᠠᠴᠠ ᠭᠠᠶᠢᠯᠢ ᠭᠦᠢᠴᠡᠳᠬᠡᠬᠦ APP ᠦᠵᠦᠭᠦᠷ ᠪᠤᠶᠤ ᠰᠦᠯᠵᠢᠶᠡᠨ ᠤ | ᠨᠢᠭᠤᠷ ᠤᠨ ᠦᠵᠦᠭᠦᠷ 4 ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠬᠤᠪᠢ ᠬᠥᠮᠥᠨ ᠤ ᠮᠡᠳᠡᠭᠡ ᠵᠠᠩᠭᠢ ᠪᠠᠨ ᠴᠤᠭᠯᠠᠭᠤᠯᠵᠤ ᠪᠣᠯᠣᠨ᠎ᠠ᠃ ᠲᠡᠭᠦᠨ ᠤ ᠳᠣᠲᠣᠷ᠎ᠠ᠂ | ᠴᠠᠭᠠᠰᠤᠨ ᠬᠦᠰᠦᠨᠦᠭ ᠢ ᠣᠯᠬᠤ ᠠᠷᠭ᠎ᠠ ᠵᠠᠮ ᠨᠢ 3 ᠵᠦᠢᠯ ᠪᠠᠶᠢᠨ᠎ᠠ᠄ ᠨᠢᠭᠡᠳᠦᠭᠡᠷ ᠲᠤ᠂ ᠣᠯᠠᠨ ᠢᠶᠠᠷ ᠢᠶᠠᠨ ᠣᠶᠢᠷ᠎ᠠ ᠬᠠᠪᠢ ᠶᠢᠨ ᠳᠤᠷ᠎ᠠ ᠶᠢᠨ ᠨᠢᠭᠡ ᠭᠠᠶᠢᠯᠢ | ᠭᠦᠢᠴᠡᠳᠬᠡᠬᠦ ᠲᠢᠩᠬᠢᠮ ᠳᠤ ᠬᠦᠷᠴᠦ ᠨᠢᠭᠡᠨᠲᠡ ᠳᠠᠷᠤᠮᠠᠯᠯᠠᠨ ᠵᠣᠬᠢᠶᠠᠭᠰᠠᠨ ᠮᠡᠳᠡᠭᠡ ᠵᠠᠩᠭᠢ ᠶᠢᠨ ᠬᠦᠰᠦᠨᠦᠭ ᠢ ᠠᠪᠴᠤ ᠪᠣᠯᠣᠨ᠎ᠠ︔ ᠬᠤᠶᠠᠳᠤᠭᠠᠷ ᠲᠤ᠂ ᠨᠢᠭᠡᠴᠢ ᠠᠴᠠ | ᠣᠯᠠᠨ ᠳᠤ ᠲᠤᠰᠬᠠᠢ ᠵᠦᠢᠯ ᠤᠨ ᠨᠡᠮᠡᠯᠲᠡ ᠰᠠᠭᠤᠳᠬᠠᠯ ᠭᠦᠢᠴᠡᠳᠬᠡᠵᠦ ᠥᠭᠭᠦᠭᠰᠡᠨ ᠰᠠᠯᠠᠭ᠎ᠠ ᠮᠥᠴᠢᠷ ᠲᠤ ᠬᠦᠷᠴᠦ ᠠᠪᠴᠤ ᠪᠣᠯᠣᠨ᠎ᠠ︔ ᠭᠤᠷᠪᠠᠳᠤᠭᠠᠷ ᠲᠤ᠂ | ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠪᠤᠶᠤ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠠᠯᠪᠠᠨ ᠤ ᠰᠦᠯᠵᠢᠶ᠎ᠡ ᠳᠤ ᠨᠡᠪᠲᠡᠷᠡᠵᠦ ᠪᠠᠭᠤᠯᠭᠠᠬᠤ ᠶᠢᠨ ᠬᠠᠮᠲᠤ ᠥᠪᠡᠰᠦᠪᠡᠨ | ᠳᠠᠷᠤᠮᠠᠯᠯᠠᠵᠤ ᠪᠣᠯᠣᠨ᠎ᠠ᠃ ᠣᠯᠠᠨ ᠳᠤ ᠠᠩᠬᠠᠷᠤᠭᠤᠯᠬᠤ ᠴᠢᠬᠤᠯᠠᠲᠠᠢ ᠵᠦᠢᠯ ᠭᠡᠪᠡᠯ᠂ ᠬᠦᠨᠳᠦ ᠡᠪᠡᠳᠴᠢᠨ ᠤ ᠡᠮᠴᠢᠯᠡᠭᠡ ᠶᠢᠨ ᠲᠤᠰᠬᠠᠢ ᠵᠦᠢᠯ ᠤᠨ ᠨᠡᠮᠡᠯᠲᠡ | ᠰᠠᠭᠤᠳᠬᠠᠯ ᠪᠣᠯ ᠭᠠᠶᠢᠯᠢ ᠲᠤᠰᠢᠶᠠᠭᠴᠢ ᠠᠴᠠ ᠣᠨ ᠤ ᠬᠤᠷᠢᠶᠠᠩᠭᠤᠶᠢᠯᠠᠨ ᠪᠣᠳᠣᠵᠤ ᠳ᠋ᠦᠩᠨᠡᠨ ᠲᠤᠰᠢᠶᠠᠬᠤ ᠶᠢ ᠭᠦᠢᠴᠡᠳᠬᠡᠬᠦ ᠦᠶ᠎ᠡ ᠳᠤ ᠦᠨᠡᠨ ᠪᠣᠳᠠᠲᠠᠢ ᠪᠠᠷ | ᠭᠤᠶᠤᠴᠢᠯᠠᠨ ᠮᠡᠳᠡᠭᠦᠯᠬᠦ ᠰᠠᠭᠤᠳᠬᠠᠯ ᠪᠣᠯᠬᠤ ᠲᠤᠯᠠ᠂ ᠡᠯᠧᠺᠲᠷᠣᠨ ᠵᠠᠭᠪᠤᠷ ᠨᠢ ᠬᠦᠨᠳᠦ ᠡᠪᠡᠳᠴᠢᠨ ᠤ ᠡᠮᠴᠢᠯᠡᠭᠡ ᠶᠢᠨ ᠲᠤᠰᠬᠠᠢ ᠵᠦᠢᠯ ᠤᠨ ᠨᠡᠮᠡᠯᠲᠡ | ᠰᠠᠭᠤᠳᠬᠠᠯ ᠢ ᠴᠤᠭᠯᠠᠭᠤᠯᠬᠤ ᠳᠤ ᠬᠤᠯᠪᠣᠭᠳᠠᠬᠤ ᠦᠭᠡᠢ᠃ ᠡᠭᠦᠨ ᠢᠶᠠᠷ ᠪᠠᠷᠠᠬᠤ ᠦᠭᠡᠢ᠂ ᠬᠡᠷᠪᠡ ᠨᠢᠭᠡᠴᠢ ᠳᠤ ᠪᠠᠨ ᠰᠠᠷ᠎ᠠ ᠪᠠᠷ ᠲᠤᠰᠬᠠᠢ ᠵᠦᠢᠯ ᠤᠨ ᠨᠡᠮᠡᠯᠲᠡ | ᠰᠠᠭᠤᠳᠬᠠᠯ ᠤᠨ ᠲᠥᠷᠥ ᠶᠢᠨ ᠪᠣᠳᠣᠯᠭ᠎ᠠ ᠶᠢ ᠬᠦᠷᠲᠡᠬᠦ ᠶᠢ ᠰᠣᠩᠭᠤᠪᠠᠯ᠂ ᠮᠥᠨ ᠬᠦᠨᠳᠦ ᠡᠪᠡᠳᠴᠢᠨ ᠤ ᠡᠮᠴᠢᠯᠡᠭᠡ ᠶᠢᠨ ᠰᠠᠭᠤᠳᠬᠠᠯ ᠳᠤ ᠬᠤᠯᠪᠣᠭᠳᠠᠬᠤ ᠦᠭᠡᠢ | ᠪᠠᠶᠢᠳᠠᠭ᠃ | ᠬᠥᠲᠥᠯᠥᠭᠴᠢ᠄ | ᠰᠠᠶᠢᠨ ᠪᠣᠯᠣᠯ᠎ᠠ᠂ ᠲᠠᠨ ᠲᠣᠪᠴᠢᠶᠠᠨ ᠳᠠᠷᠤᠭ᠎ᠠ ᠶᠢᠨ ᠲᠤᠰ ᠬᠤᠭᠤᠴᠠᠭᠠᠨ ᠤ ᠰᠤᠷᠪᠤᠯᠵᠢᠯᠠᠭ᠎ᠠ ᠳᠤ ᠰᠠᠭᠠᠭᠳᠠᠭᠰᠠᠨ ᠤ ᠬᠠᠮᠲᠤ᠂ ᠣᠯᠠᠨ ᠳᠤ ᠨᠠᠷᠢᠨ | ᠲᠠᠶᠢᠯᠤᠮᠵᠢ ᠬᠢᠭᠰᠡᠨ ᠳᠤ ᠪᠠᠶᠠᠷᠯᠠᠯ᠎ᠠ᠂ ᠮᠥᠨ ᠰᠦᠯᠵᠢᠶᠡᠨ ᠤ ᠠᠨᠳᠠ ᠨᠠᠷ ᠤᠨ ᠣᠷᠣᠯᠴᠠᠯᠭ᠎ᠠ ᠳᠤ ᠪᠠᠶᠠᠷᠯᠠᠯ᠎ᠠ᠃ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ | ᠬᠦᠷᠦᠭᠡᠳ ᠥᠨᠳᠥᠷᠯᠡᠬᠦ ᠪᠣᠯᠣᠯ᠎ᠠ᠂ ᠳᠠᠷᠠᠭᠠᠴᠢ ᠶᠢᠨ ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ︕ | ᠲᠠᠨ ᠡᠾᠧᠩ᠄ | ᠰᠦᠯᠵᠢᠶᠡᠨ ᠤ ᠠᠨᠳᠠ ᠨᠠᠷ ᠪᠠᠶᠠᠷᠲᠠᠢ︕ | |