ᠮᠣᠩᠭᠤᠯ ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠵᠤ ︽ᠡᠷᠡᠭᠦᠯ ᠡᠩᠬᠡ ᠥᠪᠥᠷ ᠮᠣᠩᠭᠤᠯ︾ ᠢ | ᠪᠦᠲᠦᠭᠡᠨ ᠪᠠᠶᠢᠭᠤᠯᠬᠤ ᠳᠤ ᠠᠮᠢᠵᠢᠷᠠᠯ ᠤᠨ ᠬᠦᠴᠦᠨ ᠣᠯᠭᠤᠶᠠ | | | | | | ᠰᠤᠷᠪᠤᠯᠵᠢᠯᠠᠭᠰᠠᠨ ᠴᠠᠭ᠄ 2018 ᠣᠨ ᠤ 12 ᠳ᠋ᠤᠭᠠᠷ ᠰᠠᠷ᠎ᠠ ᠶᠢᠨ 27 ᠤ ᠡᠳᠦᠷ ᠤᠨ 10 ᠴᠠᠭ | ᠰᠤᠷᠪᠤᠯᠵᠢᠯᠠᠭ᠎ᠠ ᠬᠦᠯᠢᠶᠡᠭᠴᠢ᠄ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ᠂ ᠳᠡᠳ᠋ ᠡᠷᠬᠢᠯᠡᠭᠴᠢ ᠹᠦ᠋ ᠷᠦᠢ ᠹᠧᠩ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠮᠣᠩᠭᠤᠯ ᠡᠮ ᠡᠮᠨᠡᠯᠭᠡ ᠪᠣᠯ ᠮᠣᠩᠭᠤᠯ ᠦᠨᠳᠦᠰᠦᠲᠡᠨ ᠤ ᠰᠣᠶᠣᠯ ᠤᠨ ᠴᠢᠬᠤᠯᠠ ᠬᠤᠪᠣᠷ ᠦᠨᠡᠲᠦ ᠡᠷᠳᠡᠨᠢᠰ ᠪᠣᠯᠬᠤ ᠪᠠᠷ ᠪᠠᠷᠠᠬᠤ ᠦᠭᠡᠢ᠂ ᠳᠤᠮᠳᠠᠳᠤ ᠶᠢᠨ | ᠦᠨᠳᠦᠰᠦᠲᠡᠨ ᠤ ᠤᠯᠠᠮᠵᠢᠯᠠᠯᠲᠤ ᠠᠨᠠᠭᠠᠬᠤ ᠤᠬᠠᠭᠠᠨ ᠤ ᠡᠷᠳᠡᠨᠢᠰ ᠤᠨ ᠬᠥᠮᠥᠷᠭᠡ ᠶᠢᠨ ᠴᠢᠬᠤᠯᠠ ᠪᠦᠷᠢᠯᠳᠦᠬᠦᠨ ᠬᠡᠰᠡᠭ ᠪᠠᠶᠢᠵᠤ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠮᠣᠩᠭᠤᠯ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ | ᠦᠵᠡᠭᠰᠡᠭᠡᠷ ᠢᠷᠡᠪᠡ᠃ ᠥᠨᠥᠳᠥᠷ ᠪᠢᠳᠡ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ᠂ ᠳᠡᠳ᠋ ᠡᠷᠬᠢᠯᠡᠭᠴᠢ ᠹᠦ᠋ ᠷᠦᠢ ᠹᠧᠩ ᠢ ᠤᠷᠢᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠬᠡᠷᠬᠢᠨ ᠮᠣᠩᠭᠤᠯ ᠡᠮ | ᠡᠮᠨᠡᠯᠭᠡ ᠶᠢ ᠬᠥᠭᠵᠢᠭᠦᠯᠦᠨ ᠮᠠᠨᠳᠤᠭᠤᠯᠤᠭᠰᠠᠨ ᠵᠡᠷᠭᠡ ᠬᠠᠮᠢᠶ᠎ᠠ ᠪᠦᠬᠦᠢ ᠠᠭᠤᠯᠭ᠎ᠠ ᠶᠢᠨ ᠲᠤᠬᠠᠢ ᠰᠦᠯᠵᠢᠶ᠎ᠡ ᠪᠠᠷ ᠣᠯᠠᠨ ᠲᠠᠢ ᠰᠠᠨᠠᠯ ᠰᠣᠯᠢᠯᠴᠠᠭᠤᠯᠬᠤ ᠪᠣᠯᠣᠯ᠎ᠠ᠃ | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | ᠬᠥᠲᠥᠯᠥᠭᠴᠢ᠄ | ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠤᠰ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠤ | ᠰᠤᠷᠪᠤᠯᠵᠢᠯᠠᠭ᠎ᠠ ᠶᠢᠨ ᠪᠤᠯᠤᠩ ᠢ ᠬᠦᠯᠢᠶᠡᠨ ᠠᠪᠴᠤ ᠦᠵᠡᠬᠦ ᠶᠢ ᠴᠢᠨᠢ ᠪᠠᠶᠠᠷᠯᠠᠨ ᠤᠭᠲᠤᠵᠤ ᠪᠠᠶᠢᠨ᠎ᠠ᠃ ᠥᠨᠥᠳᠥᠷ ᠪᠢᠳᠡ ᠵᠣᠯ ᠢᠶᠠᠷ ᠥᠪᠡᠷᠲᠡᠭᠡᠨ ᠵᠠᠰᠠᠬᠤ | ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠡᠷᠬᠢᠯᠡᠭᠴᠢ ᠹᠦ᠋ ᠷᠦᠢ ᠹᠧᠩ ᠢ | ᠤᠷᠢᠵᠤ᠂ ᠮᠣᠩᠭᠤᠯ ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠬᠤ ᠲᠤᠬᠠᠢ ᠰᠦᠯᠵᠢᠶ᠎ᠡ ᠪᠠᠷ ᠣᠯᠠᠨ ᠲᠠᠢ ᠰᠠᠨᠠᠯ ᠰᠣᠯᠢᠯᠴᠠᠭᠤᠯᠬᠤ ᠪᠣᠯᠣᠯ᠎ᠠ ᠂ ᠹᠦ᠋ | ᠡᠷᠬᠢᠯᠡᠭᠴᠢ ᠶᠢ ᠪᠠᠶᠠᠷᠯᠠᠨ ᠤᠭᠲᠤᠵᠤ ᠪᠠᠶᠢᠨ᠎ᠠ᠃ | ᠹᠦ᠋ ᠷᠦᠢ ᠹᠧᠩ᠄ | ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︖ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ | ᠣᠯᠠᠨ ᠲᠠᠢ ᠰᠠᠨᠠᠯ ᠰᠣᠯᠢᠯᠴᠠᠬᠤ ᠪᠣᠯᠣᠭᠰᠠᠨ ᠳᠤ ᠪᠠᠨ ᠰᠡᠳᠬᠢᠯ ᠮᠠᠰᠢ ᠥᠨᠳᠥᠷ ᠪᠠᠶᠢᠨ᠎ᠠ᠃ | ᠬᠥᠲᠥᠯᠥᠭᠴᠢ᠄ | ᠮᠣᠩᠭᠤᠯ ᠡᠮ ᠡᠮᠨᠡᠯᠭᠡ ᠪᠣᠯ ᠮᠣᠩᠭᠤᠯ ᠦᠨᠳᠦᠰᠦᠲᠡᠨ ᠤ ᠰᠣᠶᠣᠯ ᠤᠨ ᠴᠢᠬᠤᠯᠠ ᠬᠤᠪᠣᠷ ᠦᠨᠡᠲᠦ ᠡᠷᠳᠡᠨᠢᠰ ᠪᠣᠯᠬᠤ ᠪᠠᠷ ᠪᠠᠷᠠᠬᠤ ᠦᠭᠡᠢ᠂ ᠳᠤᠮᠳᠠᠳᠤ ᠶᠢᠨ | ᠦᠨᠳᠦᠰᠦᠲᠡᠨ ᠤ ᠤᠯᠠᠮᠵᠢᠯᠠᠯᠲᠤ ᠠᠨᠠᠭᠠᠬᠤ ᠤᠬᠠᠭᠠᠨ ᠤ ᠡᠷᠳᠡᠨᠢᠰ ᠤᠨ ᠬᠥᠮᠥᠷᠭᠡ ᠶᠢᠨ ᠴᠢᠬᠤᠯᠠ ᠪᠦᠷᠢᠯᠳᠦᠬᠦᠨ ᠬᠡᠰᠡᠭ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠮᠣᠩᠭᠤᠯ ᠡᠮ ᠡᠮᠨᠡᠯᠭᠡ ᠶᠢ ᠬᠥᠭᠵᠢᠭᠦᠯᠬᠦ ᠶᠢ ᠬᠡᠷᠡᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠪᠠᠶᠢᠬᠤ ᠪᠣᠢ︖ | | ᠹᠦ᠋ ᠷᠦᠢ ᠹᠧᠩ᠄ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠮᠣᠩᠭᠤᠯ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠢᠮᠠᠭᠲᠠ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠭᠰᠡᠭᠡᠷ ᠢᠷᠡᠪᠡ᠃ ᠱᠦᠵᠢ ᠯᠢ ᠵᠢᠢ ᠡᠾᠧᠩ ᠴᠢᠬᠤᠯᠠᠴᠢᠯᠠᠬᠤ ᠳᠤ ᠪᠠᠨ᠂ ᠦᠨᠳᠦᠰᠦᠲᠡᠨ ᠤ ᠡᠮ ᠡᠮᠨᠡᠯᠭᠡ ᠶᠢ | ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠠᠬᠢᠭᠤᠯᠤᠨ᠂ ᠶᠡᠭᠡ ᠬᠦᠴᠦ ᠵᠠᠷᠤᠴᠠᠭᠤᠯᠤᠨ ᠮᠣᠩᠭᠤᠯ ᠡᠮ ᠡᠮᠨᠡᠯᠭᠡ ᠶᠢ ᠬᠦᠴᠦᠷᠬᠡᠭᠵᠢᠭᠦᠯᠦᠨ ᠪᠤᠵᠠᠭᠠᠶᠢᠷᠠᠭᠤᠯᠵᠤ᠂ | ᠮᠣᠩᠭᠤᠯ ᠡᠮ ᠡᠮᠨᠡᠯᠭᠡ ᠶᠢ ᠪᠦᠬᠦ ᠤᠯᠤᠰ ᠲᠤ ᠳᠡᠯᠭᠡᠷᠡᠭᠦᠯᠦᠨ᠂ ᠳᠡᠯᠡᠬᠡᠢ ᠶᠢᠨ ᠬᠡᠪᠴᠢᠶᠡᠨ ᠳᠤ ᠳᠡᠯᠭᠡᠷᠡᠭᠦᠯᠵᠦ᠂ ᠠᠷᠠᠳ ᠲᠦᠮᠡᠨ ᠳᠤ ᠨᠡᠩ ᠰᠠᠶᠢᠲᠤᠷ ᠦᠢᠯᠡᠴᠢᠯᠡᠭᠦᠯᠬᠦ | ᠬᠡᠷᠡᠭᠲᠡᠢ ᠭᠡᠵᠡᠢ᠃ | ᠨᠢᠭᠡ ᠳᠤ᠂ ᠮᠣᠩᠭᠤᠯ ᠡᠮ ᠡᠮᠨᠡᠯᠭᠡ ᠶᠢᠨ ᠦᠢᠯᠡᠰ ᠢ ᠬᠥᠭᠵᠢᠭᠦᠯᠬᠦ ᠲᠥᠷᠥ ᠶᠢᠨ ᠪᠣᠳᠣᠯᠭ᠎ᠠ ᠪᠠ ᠲᠣᠭᠲᠠᠴᠠ ᠶᠢ ᠲᠡᠭᠦᠯᠳᠡᠷᠵᠢᠭᠦᠯᠪᠡ᠃ ᠥᠪᠡᠷᠲᠡᠭᠡᠨ ᠵᠠᠰᠠᠬᠤ | ᠣᠷᠣᠨ ᠠᠴᠠ ︽ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾ ᠶᠢ ᠭᠦᠨᠵᠡᠭᠡᠢ ᠨᠠᠶᠢᠳᠠᠪᠤᠷᠢᠵᠢᠭᠤᠯᠤᠨ᠂ ︽ᠮᠣᠩᠭᠤᠯ ᠡᠮ ᠡᠮᠨᠡᠯᠭᠡ ᠬᠢᠲᠠᠳ ᠡᠮ | ᠡᠮᠨᠡᠯᠭᠡ ᠶᠢᠨ ᠳᠦᠷᠢᠮ︾ ᠢ ᠶᠡᠭᠡ ᠪᠠᠷ ᠬᠡᠷᠡᠭᠵᠢᠭᠦᠯᠵᠦ᠂ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢ ᠥᠪᠡᠷᠲᠡᠭᠡᠨ ᠵᠠᠰᠠᠬᠤ ᠣᠷᠣᠨ ᠤ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠳᠣᠯᠣᠭᠠᠨ ᠠᠵᠤ ᠦᠢᠯᠡᠰ ᠤᠨ ᠨᠢᠭᠡ ᠪᠣᠯᠭᠠᠵᠤ ᠂ ︽ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ | ᠦᠢᠯᠡᠰ ᠤᠨ ᠬᠥᠭᠵᠢᠯᠲᠡ ᠶᠢ ᠳᠡᠮᠵᠢᠬᠦ ᠪᠠ ᠠᠬᠢᠭᠤᠯᠬᠤ ᠲᠣᠭᠲᠠᠭᠠᠯ︾᠂ ︽ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢ ᠬᠥᠭᠵᠢᠭᠦᠯᠬᠦ ᠪᠠᠶᠢᠯᠳᠤᠬᠤ | ᠪᠣᠳᠣᠯᠭ᠎ᠠ ᠶᠢᠨ ᠲᠥᠯᠥᠪᠵᠢᠭᠦᠯᠭᠡ ᠶᠢᠨ ᠬᠥᠲᠥᠯᠪᠦᠷᠢ ︵2016 — 2030 ᠣᠨ︶︾᠂ ︽ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢ ᠡᠷᠡᠭᠦᠯ ᠢᠶᠠᠷ | ᠦᠢᠯᠡᠴᠢᠯᠡᠭᠦᠯᠦᠨ ᠬᠥᠭᠵᠢᠭᠦᠯᠬᠦ ᠲᠥᠯᠥᠪᠵᠢᠭᠦᠯᠭᠡ ︵2016 — 2020 ᠣᠨ︶︾᠂ ︽ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠦᠢᠯᠡᠰ ᠤᠨ ︿ | 13 · 5﹀ ᠶᠢᠨ ᠬᠥᠭᠵᠢᠯᠲᠡ ᠶᠢᠨ ᠲᠥᠯᠥᠪᠵᠢᠭᠦᠯᠭᠡ︾᠂ ︽ᠮᠣᠩᠭᠤᠯ ᠡᠮ ᠤᠨ ᠮᠠᠲ᠋ᠧᠷᠢᠶᠠᠯ ᠬᠢᠲᠠᠳ ᠡᠮ ᠤᠨ ᠮᠠᠲ᠋ᠧᠷᠢᠶᠠᠯ ᠢ ᠬᠠᠮᠠᠭᠠᠯᠠᠬᠤ ᠪᠠ ᠬᠥᠭᠵᠢᠭᠦᠯᠬᠦ ᠶᠢᠨ | ᠬᠡᠷᠡᠭᠵᠢᠭᠦᠯᠬᠦ ᠲᠥᠰᠥᠯ ︵2017 — 2025 ᠣᠨ︶︾ ᠵᠡᠷᠭᠡ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ | ᠣᠨᠴᠠᠭᠠᠶᠢᠯᠠᠨ 2018 ᠣᠨ ᠳᠤ ︽ᠮᠣᠩᠭᠤᠯ ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢᠨ ᠲᠥᠯᠥᠪᠯᠡᠭᠡ ︵2017 — 2025 ᠣᠨ︶︾ | ᠶᠢ ᠳᠤᠷᠠᠳᠤᠨ ᠭᠠᠷᠭᠠᠵᠤ᠂ ᠬᠥᠭᠵᠢᠯᠲᠡ ᠶᠢᠨ ᠬᠠᠷᠠᠯᠲᠠ ᠪᠠ ᠠᠵᠢᠯ ᠤᠨ ᠡᠭᠦᠷᠭᠡ ᠶᠢ ᠲᠣᠳᠣᠷᠬᠠᠶᠢᠯᠠᠨ᠂ ᠮᠣᠩᠭᠤᠯ ᠡᠮ ᠡᠮᠨᠡᠯᠭᠡ ᠶᠢᠨ ᠬᠥᠭᠵᠢᠯᠲᠡ ᠶᠢ | ᠠᠬᠢᠭᠤᠯᠬᠤ ᠳᠤ ᠬᠦᠴᠦᠨ ᠪᠦᠬᠦᠢ ᠪᠠᠲᠤᠯᠠᠭ᠎ᠠ ᠬᠠᠩᠭᠠᠵᠠᠢ᠃ | ᠬᠤᠶᠠᠷ ᠲᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠ ᠵᠠᠷᠤᠳᠠᠯ ᠤᠨ ᠣᠷᠣᠭᠤᠯᠤᠯᠲᠠ ᠶᠢ ᠴᠢᠩᠭᠠᠷᠠᠭᠤᠯᠪᠠ᠃ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠠᠴᠠ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠬᠤᠪᠢᠳᠠᠨ | ᠬᠠᠮᠢᠶᠠᠷᠴᠤ ᠪᠠᠶᠢᠭ᠎ᠠ ᠳᠡᠳ᠋ ᠡᠷᠬᠢᠯᠡᠭᠴᠢ ᠪᠠᠷ ᠳᠤᠭᠤᠶᠢᠯᠠᠩ ᠤᠨ ᠳᠠᠷᠤᠭ᠎ᠠ ᠪᠣᠯᠭᠠᠨ᠂ ᠮᠣᠩᠭᠤᠯ ᠡᠮ ᠡᠮᠨᠡᠯᠭᠡ ᠶᠢ ᠬᠥᠭᠵᠢᠭᠦᠯᠬᠦ ᠶᠠᠪᠤᠴᠠ ᠳᠠᠬᠢ ᠴᠢᠬᠤᠯᠠ ᠶᠡᠭᠡ | ᠠᠰᠠᠭᠤᠳᠠᠯ ᠢ ᠨᠢᠭᠡᠳᠦᠯᠲᠡᠢ ᠲᠥᠯᠥᠪᠯᠡᠨ ᠰᠢᠢᠳᠪᠦᠷᠢᠯᠡᠪᠡ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠮᠣᠩᠭᠤᠯ | ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠶᠢ ᠪᠠᠶᠢᠭᠤᠯᠤᠨ᠂ 12 ᠠᠶᠢᠮᠠᠭ ᠬᠤᠲᠠ ᠳᠤ ᠬᠠᠮᠢᠶᠠᠷᠤᠯᠲᠠ ᠶᠢᠨ ᠪᠠᠶᠢᠭᠤᠯᠤᠮᠵᠢ ᠪᠠᠶᠢᠭᠤᠯᠵᠤ᠂ ᠣᠯᠠᠩᠬᠢ | ᠲᠣᠭᠠᠨ ᠤ ᠬᠤᠰᠢᠭᠤ ᠰᠢᠶᠠᠨ ᠠᠴᠠ ᠫᠠᠶᠢᠰᠠ ᠨᠡᠮᠡᠨ ᠡᠯᠭᠦᠵᠦ᠂ ᠲᠤᠰᠬᠠᠢ ᠬᠥᠮᠥᠨ ᠲᠣᠬᠢᠷᠠᠭᠤᠯᠤᠨ ᠬᠠᠮᠢᠶᠠᠷᠤᠭᠤᠯᠵᠤ᠂ ᠮᠣᠩᠭᠤᠯ ᠡᠮ ᠡᠮᠨᠡᠯᠭᠡ ᠶᠢᠨ | ᠬᠠᠮᠢᠶᠠᠷᠤᠯᠲᠠ ᠶᠢᠨ ᠰᠢᠰᠲ᠋ᠧᠮᠵᠢ ᠶᠢ ᠠᠩᠬ᠎ᠠ ᠠᠯᠬᠤᠮ ᠪᠦᠷᠢᠯᠳᠦᠭᠦᠯᠪᠡ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠣᠷᠣᠭᠤᠯᠤᠯᠲᠠ ᠶᠢᠨ | ᠡᠷᠴᠢᠮ ᠢᠶᠠᠨ ᠲᠠᠰᠤᠷᠠᠯᠲᠠ ᠦᠭᠡᠢ ᠨᠡᠮᠡᠭᠳᠡᠭᠦᠯᠦᠨ᠂ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠪᠠᠨ ᠲᠡᠭᠦᠯᠳᠡᠷᠵᠢᠭᠦᠯᠵᠦ᠂ ᠮᠣᠩᠭᠤᠯ ᠡᠮᠨᠡᠯᠭᠡ ᠶᠢᠨ ᠬᠤᠷᠢᠶ᠎ᠠ ᠶᠢᠨ | ᠠᠵᠢᠯᠲᠠᠳ ᠤᠨ ᠵᠠᠷᠤᠳᠠᠯ ᠢ ᠭᠦᠢᠴᠡᠳ ᠬᠠᠩᠭᠠᠬᠤ ᠶᠢ ᠪᠠᠲᠤᠯᠠᠵᠤ᠂ ᠮᠣᠩᠭᠤᠯ ᠡᠮ ᠡᠮᠨᠡᠯᠭᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ | ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ᠂ ᠴᠢᠳᠠᠪᠤᠷᠢᠲᠠᠨ ᠤ ᠬᠥᠮᠥᠵᠢᠭᠦᠯᠦᠯ᠂ ᠡᠷᠳᠡᠮ ᠰᠢᠨᠵᠢᠯᠡᠭᠡᠨ ᠤ ᠤᠯᠠᠮᠵᠢᠯᠠᠯ ᠵᠢᠴᠢ ᠮᠣᠩᠭᠤᠯ ᠡᠮᠨᠡᠯᠭᠡ ᠶᠢᠨ ᠬᠤᠷᠢᠶ᠎ᠠ ᠶᠢᠨ | ᠦᠨᠳᠦᠰᠦᠨ ᠪᠠᠶᠢᠭᠤᠯᠤᠯᠲᠠ ᠶᠢ ᠭᠤᠣᠯᠳᠠᠯᠭ᠎ᠠ ᠲᠠᠢ ᠳᠡᠮᠵᠢᠪᠡ᠃ ︽12 · 5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠦᠬᠦ ᠣᠷᠣᠨ ᠤ ᠡᠯ᠎ᠡ | ᠱᠠᠲᠤᠨ ᠤ ᠡᠳ᠋ ᠤᠨ ᠵᠠᠰᠠᠭ ᠠᠴᠠ ᠨᠡᠶᠢᠲᠡ 50.4 ᠳ᠋ᠦᠩᠰᠢᠭᠤᠷ ᠲᠥᠭᠦᠷᠢᠭ ᠵᠠᠷᠤᠴᠠᠭᠤᠯᠵᠤ᠂ ᠵᠢᠯ ᠤᠨ ᠳᠤᠮᠳᠠᠴᠢ ᠥᠰᠦᠯᠲᠡ ᠨᠢ 11.1% ᠳᠤ ᠬᠦᠷᠴᠡᠢ᠃ | ᠹᠦ᠋ ᠷᠦᠢ ᠹᠧᠩ᠄ | ᠭᠤᠷᠪᠠ ᠳᠤ᠂ ᠮᠣᠩᠭᠤᠯ ᠡᠮ ᠡᠮᠨᠡᠯᠭᠡ ᠶᠢᠨ ᠬᠥᠭᠵᠢᠯᠲᠡ ᠶᠢ ᠵᠣᠷᠢᠭᠵᠢᠭᠤᠯᠤᠨ ᠳᠡᠮᠵᠢᠪᠡ᠃ ᠮᠣᠩᠭᠤᠯ ᠡᠮ ᠡᠮᠨᠡᠯᠭᠡ ᠶᠢᠨ ᠣᠨᠴᠠᠯᠢᠭᠲᠤ ᠳᠠᠪᠠᠭᠤᠯᠢᠭ ᠢ | ᠭᠦᠢᠴᠡᠳ ᠪᠠᠳᠠᠷᠠᠭᠤᠯᠬᠤ ᠶᠢᠨ ᠲᠤᠰᠠᠳᠠ᠂ ᠡᠮᠴᠢᠯᠡᠭᠡ ᠶᠢᠨ ᠳᠠᠭᠠᠳᠬᠠᠯ ᠤᠨ ᠳᠠᠩᠰᠠ ᠲᠠᠶᠢᠯᠬᠤ ᠲᠠᠯ᠎ᠠ ᠪᠠᠷ ᠬᠡᠯᠪᠡᠶᠢᠯᠭᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡ᠃ | ᠮᠣᠩᠭᠤᠯ ᠡᠮᠨᠡᠯᠭᠡ ᠶᠢᠨ ᠬᠤᠷᠢᠶ᠎ᠠ ᠶᠢᠨ ᠳᠣᠲᠣᠭᠠᠳᠤ ᠶᠢᠨ ᠨᠠᠶᠢᠷᠠᠯᠭ᠎ᠠ ᠪᠠ ᠤᠤᠭᠤᠬᠤ ᠡᠮ ᠲᠤ ᠦᠨ᠎ᠡ ᠨᠡᠮᠡᠬᠦ ᠶᠢ ᠪᠠᠲᠤᠯᠠᠨ ᠦᠯᠡᠳᠡᠭᠡᠵᠦ᠂ ᠲᠣᠭᠲᠠᠭᠠᠯ ᠳᠤ | ᠨᠡᠶᠢᠴᠡᠭᠰᠡᠨ ᠮᠣᠩᠭᠤᠯ ᠡᠮ ᠪᠠ ᠮᠣᠩᠭᠤᠯ ᠡᠮᠨᠡᠯᠭᠡ ᠶᠢᠨ ᠤᠯᠠᠮᠵᠢᠯᠠᠯᠲᠤ ᠣᠨᠣᠰᠢᠯᠠᠯᠲᠠ ᠵᠠᠰᠠᠯᠲᠠ ᠶᠢᠨ ᠮᠡᠷᠭᠡᠵᠢᠯ ᠦᠢᠯᠡᠴᠢᠯᠡᠭᠡ ᠶᠢ ᠡᠮᠴᠢᠯᠡᠭᠡ ᠶᠢᠨ ᠳᠠᠭᠠᠳᠬᠠᠯ ᠤᠨ | ᠣᠯᠭᠤᠬᠤ ᠬᠡᠪᠴᠢᠶᠡᠨ ᠳᠤ ᠣᠷᠣᠭᠤᠯᠤᠨ᠂ ᠮᠣᠩᠭᠤᠯ ᠡᠮᠨᠡᠯᠭᠡ ᠶᠢᠨ ᠡᠮᠴᠢᠯᠡᠭᠡᠨ ᠤ ᠦᠢᠯᠡᠴᠢᠯᠡᠭᠡ ᠮᠡᠷᠭᠡᠵᠢᠯ ᠤᠨ ᠦᠨ᠎ᠡ ᠳᠤ ᠲᠣᠬᠢᠷᠠᠭᠤᠯᠤᠯᠲᠠ ᠬᠢᠪᠡ᠃ 27 | ᠮᠣᠩᠭᠤᠯ ᠡᠮ ᠤᠨ ᠵᠦᠢᠯᠡᠰ ᠢ ᠤᠯᠤᠰ ᠤᠨ ᠡᠮᠴᠢᠯᠡᠭᠡ ᠶᠢᠨ ᠳᠠᠭᠠᠳᠬᠠᠯ ᠤᠨ ᠭᠠᠷᠴᠠᠭ ᠲᠤ ᠣᠷᠣᠭᠤᠯᠤᠨ᠂ ᠪᠦᠬᠦ ᠮᠣᠩᠭᠤᠯ ᠪᠡᠯᠡᠨ ᠡᠮ ᠪᠠ ᠮᠣᠩᠭᠤᠯ ᠡᠮ ᠤᠨ | ᠨᠠᠶᠢᠷᠠᠯᠭ᠎ᠠ ᠶᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠳᠠᠭᠠᠳᠬᠠᠯ ᠤᠨ ᠭᠠᠷᠴᠠᠭ ᠲᠤ ᠣᠷᠣᠭᠤᠯᠵᠠᠢ᠃ ᠣᠯᠠᠨ ᠨᠡᠶᠢᠲᠡ ᠶᠢᠨ ᠦᠨᠳᠦᠰᠦᠨ ᠡᠷᠡᠭᠦᠯ | ᠬᠠᠮᠠᠭᠠᠯᠠᠯ ᠤᠨ ᠦᠢᠯᠡᠴᠢᠯᠡᠭᠡ ᠶᠢᠨ ᠬᠡᠪᠴᠢᠶᠡᠨ ᠳᠤ ᠮᠣᠩᠭᠤᠯ ᠡᠮ ᠡᠮᠨᠡᠯᠭᠡ ᠶᠢᠨ ᠦᠢᠯᠡᠴᠢᠯᠡᠭᠡ ᠶᠢᠨ ᠠᠭᠤᠯᠭ᠎ᠠ ᠶᠢ ᠣᠷᠣᠭᠤᠯᠪᠠ᠃ ᠠᠯᠪᠠᠨ ᠠᠴᠠ ᠡᠷᠬᠢᠯᠡᠭᠰᠡᠨ | ᠮᠣᠩᠭᠤᠯ ᠡᠮᠨᠡᠯᠭᠡ ᠶᠢᠨ ᠬᠤᠷᠢᠶ᠎ᠠ ᠶᠢᠨ ᠠᠵᠢᠯᠲᠠᠨ ᠤ ᠶᠠᠪᠤᠳᠠᠯ ᠤᠨ ᠴᠠᠯᠢᠩ ᠣᠯᠭᠤᠮᠵᠢ ᠶᠢᠨ ᠥᠭᠡᠷᠡᠴᠢᠯᠡᠯᠲᠡ ᠪᠠ ᠠᠵᠢᠯ ᠤᠨ ᠦᠷ᠎ᠡ ᠪᠦᠲᠦᠮᠵᠢ ᠶᠢᠨ ᠰᠢᠯᠭᠠᠯᠲᠠ | ᠬᠢᠨᠠᠯᠲᠠ ᠳᠤ᠂ ᠮᠣᠩᠭᠤᠯ ᠡᠮ ᠡᠮᠨᠡᠯᠭᠡ ᠶᠢ ᠤᠷᠢᠳ ᠢᠶᠠᠷ ᠬᠡᠷᠡᠭᠯᠡᠵᠦ ᠣᠨᠣᠰᠢᠯᠠᠨ ᠵᠠᠰᠠᠬᠤ ᠠᠵᠢᠯ ᠤᠨ ᠪᠠᠶᠢᠷᠢ ᠪᠠ ᠠᠵᠢᠯᠲᠠᠳ ᠲᠤ ᠬᠠᠷᠠᠭᠠᠯᠵᠠᠯ ᠦᠵᠡᠭᠦᠯᠪᠡ᠃ | ᠤᠯᠤᠰ ᠤᠨ ᠮᠣᠩᠭᠤᠯ ᠡᠮᠴᠢ ᠶᠢᠨ ᠬᠢᠷᠢ ᠭᠡᠮ ᠤᠨ ᠰᠢᠯᠭᠠᠯᠲᠠ ᠶᠢ ᠵᠡᠷᠭᠡ ᠪᠠᠷ ᠠᠬᠢᠭᠤᠯᠤᠨ᠂ ᠮᠡᠷᠭᠡᠵᠢᠯ ᠤᠨ ᠴᠣᠯᠠ ᠰᠢᠯᠭᠠᠷᠠᠭᠤᠯᠬᠤ ᠦᠶ᠎ᠡ ᠳᠤ ᠮᠣᠩᠭᠤᠯ ᠡᠮ | ᠡᠮᠨᠡᠯᠭᠡ ᠶᠢᠨ ᠲᠤᠰᠬᠠᠢ ᠮᠡᠷᠭᠡᠵᠢᠯ ᠳᠤ ᠬᠠᠷᠠᠭᠠᠯᠵᠠᠯ ᠦᠵᠡᠭᠦᠯᠵᠦ᠂ ᠮᠣᠩᠭᠤᠯ ᠡᠮ ᠡᠮᠨᠡᠯᠭᠡ ᠶᠢᠨ ᠲᠤᠰᠬᠠᠢ ᠮᠡᠷᠭᠡᠵᠢᠯ ᠤᠨ ᠴᠢᠳᠠᠪᠤᠷᠢᠲᠠᠳ ᠢ ᠰᠢᠯᠭᠠᠨ ᠡᠯᠰᠡᠬᠦ | ᠦᠶ᠎ᠡ ᠳᠤ ᠨᠡᠷ᠎ᠡ ᠮᠡᠳᠡᠭᠦᠯᠬᠦ ᠬᠠᠷᠢᠴᠠᠯ ᠤᠨ ᠬᠢᠵᠠᠭᠠᠷᠯᠠᠯ ᠢ ᠬᠦᠴᠦᠨ ᠦᠭᠡᠢ ᠪᠣᠯᠭᠠᠬᠤ ᠵᠡᠷᠭᠡ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠬᠡᠷᠡᠭᠵᠢᠭᠦᠯᠵᠦ᠂ ᠮᠣᠩᠭᠤᠯ ᠡᠮ ᠡᠮᠨᠡᠯᠭᠡ ᠶᠢᠨ ᠦᠢᠯᠡᠰ ᠤᠨ ᠡᠷᠡᠭᠦᠯ ᠢᠶᠠᠷ ᠡᠮᠬᠢ ᠵᠢᠷᠤᠮ ᠲᠠᠢ ᠬᠥᠭᠵᠢᠬᠦ ᠶᠢ ᠪᠠᠲᠤᠯᠠᠵᠠᠢ᠃ | ᠬᠥᠲᠥᠯᠥᠭᠴᠢ᠄ | ᠮᠣᠩᠭᠤᠯ ᠡᠮᠨᠡᠯᠭᠡ ᠶᠢᠨ ᠡᠮᠴᠢᠯᠡᠭᠡᠨ ᠤ ᠦᠢᠯᠡᠴᠢᠯᠡᠭᠡ ᠶᠢᠨ ᠰᠢᠰᠲ᠋ᠧᠮᠵᠢ ᠪᠣᠯ ᠮᠣᠩᠭᠤᠯ ᠡᠮ ᠡᠮᠨᠡᠯᠭᠡ ᠶᠢᠨ ᠬᠥᠭᠵᠢᠯᠲᠡ ᠶᠢᠨ ᠰᠠᠭᠤᠷᠢ ᠪᠠᠶᠢᠵᠤ᠂ ᠥᠪᠡᠷᠲᠡᠭᠡᠨ | ᠵᠠᠰᠠᠬᠤ ᠣᠷᠣᠨ ᠠᠴᠠ ᠮᠣᠩᠭᠤᠯ ᠡᠮᠨᠡᠯᠭᠡ ᠤ ᠡᠮᠴᠢᠯᠡᠭᠡᠨ ᠤ ᠦᠢᠯᠡᠴᠢᠯᠡᠭᠡ ᠶᠢᠨ ᠰᠢᠰᠲ᠋ᠧᠮᠵᠢ ᠪᠠ ᠦᠢᠯᠡᠴᠢᠯᠡᠭᠡ ᠶᠢᠨ ᠴᠢᠳᠠᠪᠤᠷᠢ ᠶᠢᠨ ᠪᠠᠶᠢᠭᠤᠯᠤᠯᠲᠠ ᠶᠢ ᠠᠬᠢᠭᠤᠯᠬᠤ | ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠣᠢ︖ | ᠹᠦ᠋ ᠷᠦᠢ ᠹᠧᠩ᠄ | ᠨᠢᠭᠡ ᠳᠤ᠂ ᠮᠣᠩᠭᠤᠯ ᠡᠮ ᠡᠮᠨᠡᠯᠭᠡ ᠶᠢᠨ ᠦᠢᠯᠡᠴᠢᠯᠡᠭᠡ ᠶᠢᠨ ᠰᠢᠰᠲ᠋ᠧᠮᠵᠢ ᠶᠢ ᠪᠦᠷᠢᠨᠰᠢᠭᠦᠯᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠠᠴᠠ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠲᠣᠬᠢᠷᠠᠭᠤᠯᠬᠤ ᠪᠠᠷᠢᠮᠵᠢᠶ᠎ᠠ ᠪᠠ ᠣᠷᠣᠨ ᠪᠦᠰᠡ ᠶᠢᠨ ᠡᠷᠡᠭᠦᠯ ᠬᠠᠮᠠᠭᠠᠯᠠᠯ ᠤᠨ ᠲᠥᠯᠥᠪᠵᠢᠭᠦᠯᠭᠡ ᠳᠤ ᠪᠠᠨ᠂ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠵᠠᠬᠢᠷᠭᠠᠨ ᠤ ᠣᠷᠣᠨ ᠪᠦᠰᠡ ᠳᠤ ᠠᠳᠠᠭ ᠲᠤ ᠪᠠᠨ ᠨᠢᠭᠡ ᠰᠠᠭᠤᠷᠢ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ | ᠲᠣᠬᠢᠷᠠᠭᠤᠯᠵᠤ᠂ ᠪᠦᠬᠦ ᠣᠷᠣᠨ ᠤ ᠮᠣᠩᠭᠤᠯ ᠬᠢᠲᠠᠳ ᠡᠮᠨᠡᠯᠭᠡ ᠶᠢᠨ ᠣᠷᠣ ᠶᠢᠨ ᠲᠤᠭ᠎ᠠ ᠶᠢ ᠮᠢᠩᠭᠠᠨ ᠬᠥᠮᠥᠨ ᠠᠮᠠ ᠪᠦᠷᠢ ᠳᠤ ᠨᠢᠭᠡ ᠣᠷᠣ ᠠᠴᠠ ᠳᠡᠭᠡᠭᠰᠢ | ᠪᠠᠶᠢᠯᠭᠠᠬᠤ ᠬᠡᠷᠡᠭᠲᠡᠢ ᠭᠡᠵᠦ ᠲᠣᠳᠣᠷᠬᠠᠶᠢᠯᠠᠪᠠ᠃ ᠪᠦᠬᠦ ᠣᠷᠣᠨ ᠳᠤ ᠣᠳᠣ ᠳᠤ ᠪᠠᠨ ᠮᠣᠩᠭᠤᠯ ᠡᠮᠨᠡᠯᠭᠡ ᠶᠢᠨ ᠬᠤᠷᠢᠶ᠎ᠠ᠂ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ 365赢多少钱会被限额_国内有真正的365平台吗_365bet博彩官网 | ᠨᠡᠶᠢᠲᠡ 103 ᠰᠠᠭᠤᠷᠢ ᠪᠠᠶᠢᠵᠤ᠂ ᠲᠡᠭᠦᠨ ᠤ ᠳᠣᠲᠣᠷ᠎ᠠ ᠭᠤᠷᠪᠠᠳᠤᠭᠠᠷ ᠳᠡᠰ ᠤᠨ ᠡᠮᠨᠡᠯᠭᠡ ᠶᠢᠨ ᠬᠤᠷᠢᠶ᠎ᠠ 19 ᠰᠠᠭᠤᠷᠢ᠂ ᠬᠤᠶᠠᠳᠤᠭᠠᠷ ᠳᠡᠰ ᠤᠨ ᠡᠮᠨᠡᠯᠭᠡ ᠶᠢᠨ | ᠬᠤᠷᠢᠶ᠎ᠠ 54 ᠰᠠᠭᠤᠷᠢ ᠪᠣᠢ᠃ ᠪᠦᠬᠦ ᠣᠷᠣᠨ ᠤ ᠮᠣᠩᠭᠤᠯ ᠬᠢᠲᠠᠳ ᠡᠮᠨᠡᠯᠭᠡ ᠶᠢᠨ ᠮᠢᠩᠭᠠᠨ ᠬᠥᠮᠥᠨ ᠠᠮᠠ ᠪᠦᠷᠢ ᠶᠢᠨ ᠣᠷᠣ ᠶᠢᠨ ᠲᠤᠭ᠎ᠠ ᠨᠢ 0.92᠂ ᠠᠵᠢᠯ | ᠡᠷᠬᠢᠯᠡᠵᠦ ᠪᠠᠶᠢᠭ᠎ᠠ ᠡᠮᠴᠢ ᠶᠢᠨ ᠲᠤᠭ᠎ᠠ 0.51 ᠬᠥᠮᠥᠨ ᠪᠠᠶᠢᠵᠤ᠂ 2017 ᠣᠨ ᠤ ᠣᠨᠣᠰᠢᠯᠠᠨ ᠡᠮᠴᠢᠯᠡᠭᠰᠡᠨ ᠬᠡᠮᠵᠢᠶ᠎ᠡ ᠨᠢ 1090.3 ᠲᠦᠮᠡᠨ ᠬᠥᠮᠥᠨ | ᠤᠳᠠᠭ᠎ᠠ ᠳᠤ ᠬᠦᠷᠴᠡᠢ᠃ ᠰᠢᠨ᠎ᠡ ᠪᠠᠷ ᠪᠠᠶᠢᠭᠤᠯᠤᠭᠰᠠᠨ ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠶᠢᠨ ᠨᠡᠶᠢᠭᠡᠮ ᠤᠨ ᠦᠷ᠎ᠡ | ᠠᠰᠢᠭ ᠨᠢ ᠢᠯᠡᠷᠬᠡᠢ ᠪᠠᠶᠢᠵᠤ᠂ ᠪᠦᠬᠦ ᠤᠯᠤᠰ᠂ ᠴᠢᠨᠠᠭᠰᠢᠯᠠᠭᠠᠳ ᠮᠣᠩᠭᠤᠯ ᠤᠯᠤᠰ ᠵᠡᠷᠭᠡ ᠬᠡᠰᠡᠭ ᠤᠯᠤᠰ ᠪᠠ ᠭᠠᠵᠠᠷ ᠣᠷᠣᠨ ᠳᠤ ᠵᠣᠬᠢᠬᠤ ᠨᠥᠯᠥᠭᠡᠯᠡᠬᠦ ᠬᠦᠴᠦᠨ | ᠲᠠᠢ ᠪᠣᠯᠪᠠ᠃ ᠦᠨᠳᠦᠰᠦᠨ ᠱᠠᠲᠤᠨ ᠤ ᠮᠣᠩᠭᠤᠯ ᠡᠮ ᠡᠮᠨᠡᠯᠭᠡ ᠶᠢᠨ ᠦᠢᠯᠡᠴᠢᠯᠡᠭᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠦᠷᠭᠦᠯᠵᠢᠯᠡᠨ ᠥᠷᠨᠢᠭᠦᠯᠵᠦ | ᠂ ᠥᠪᠡᠷᠲᠡᠭᠡᠨ ᠵᠠᠰᠠᠬᠤ ᠣᠷᠣᠨ ᠤ ᠳᠡᠰ ᠤᠨ ᠮᠣᠩᠭᠤᠯ ᠡᠮᠨᠡᠯᠭᠡ ᠶᠢᠨ ᠬᠤᠷᠢᠶ᠎ᠠ ᠪᠠᠷ ᠲᠦᠷᠦᠭᠦᠯᠡᠭᠦᠯᠦᠨ᠂ ᠠᠶᠢᠮᠠᠭ ᠬᠤᠲᠠ ᠶᠢᠨ ᠳᠡᠰ ᠤᠨ ᠮᠣᠩᠭᠤᠯ ᠡᠮᠨᠡᠯᠭᠡ ᠶᠢᠨ | ᠬᠤᠷᠢᠶ᠎ᠠ ᠪᠠᠷ ᠭᠤᠣᠯᠯᠠᠭᠴᠢ ᠬᠦᠴᠦᠨ ᠪᠣᠯᠭᠠᠵᠤ᠂ ᠬᠤᠰᠢᠭᠤ ᠰᠢᠶᠠᠨ ᠤ ᠳᠡᠰ ᠤᠨ ᠮᠣᠩᠭᠤᠯ ᠡᠮᠨᠡᠯᠭᠡ ᠶᠢᠨ ᠬᠤᠷᠢᠶ᠎ᠠ ᠪᠠᠷ ᠰᠠᠭᠤᠷᠢ ᠪᠣᠯᠭᠠᠨ᠂ ᠦᠨᠳᠦᠰᠦᠨ ᠱᠠᠲᠤᠨ ᠤ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠮᠣᠩᠭᠤᠯ ᠡᠮ ᠡᠮᠨᠡᠯᠭᠡ ᠶᠢᠨ ᠦᠢᠯᠡᠴᠢᠯᠡᠭᠡ ᠪᠠᠷ ᠲᠣᠣᠷ ᠰᠦᠯᠵᠢᠶᠡᠨ ᠤ ᠰᠠᠭᠤᠷᠢ ᠪᠣᠯᠭᠠᠵᠤ᠂ ᠪᠤᠰᠤᠳ ᠡᠯ᠎ᠡ | ᠲᠥᠷᠥᠯ ᠤᠨ ᠡᠮᠴᠢᠯᠡᠭᠡ ᠶᠢᠨ ᠪᠠᠶᠢᠭᠤᠯᠤᠮᠵᠢ ᠶᠢᠨ ᠮᠣᠩᠭᠤᠯ ᠡᠮ ᠡᠮᠨᠡᠯᠭᠡ ᠶᠢᠨ ᠦᠢᠯᠡᠴᠢᠯᠡᠭᠡ ᠪᠠᠷ ᠨᠥᠬᠦᠪᠦᠷᠢ ᠪᠣᠯᠭᠠᠭᠰᠠᠨ ᠡᠮᠴᠢᠯᠡᠭᠡ ᠶᠢᠨ ᠦᠢᠯᠡᠴᠢᠯᠡᠭᠡ ᠶᠢᠨ | ᠰᠢᠰᠲ᠋ᠧᠮᠵᠢ ᠶᠢ ᠪᠦᠷᠢᠯᠳᠦᠭᠦᠯᠵᠡᠢ᠃ | ᠬᠤᠶᠠᠷ ᠲᠤ᠂ ᠴᠢᠳᠠᠪᠤᠷᠢᠲᠠᠨ ᠤ ᠡᠩᠨᠡᠭᠡ ᠶᠢ ᠪᠠᠲᠤᠳᠬᠠᠪᠠ᠃ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠥᠵᠢᠯ᠂ ᠪᠠᠭᠰᠢ ᠵᠠᠯᠭᠠᠮᠵᠢᠯᠠᠬᠤ ᠰᠤᠷᠭᠠᠨ ᠬᠥᠮᠥᠵᠢᠯ | ᠂ ᠦᠷᠭᠦᠯᠵᠢᠯᠡᠯ ᠰᠤᠷᠭᠠᠨ ᠬᠥᠮᠥᠵᠢᠯ ᠪᠠ ᠠᠵᠢᠯ ᠤᠨ ᠪᠠᠶᠢᠷᠢ ᠳᠡᠭᠡᠷᠡᠬᠢ ᠪᠣᠯᠪᠠᠰᠤᠷᠠᠭᠤᠯᠤᠯ ᠢ ᠬᠠᠷᠢᠯᠴᠠᠨ ᠤᠶᠠᠯᠳᠤᠭᠤᠯᠤᠭᠰᠠᠨ ᠬᠥᠮᠥᠵᠢᠭᠦᠯᠦᠯ ᠤᠨ ᠵᠠᠭᠪᠤᠷ ᠢ | ᠪᠠᠷᠢᠮᠲᠠᠯᠠᠨ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠪᠠ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠠᠴᠠ ᠮᠣᠩᠭᠤᠯ | ᠡᠮᠨᠡᠯᠭᠡ᠂ ᠮᠣᠩᠭᠤᠯ ᠡᠮ᠂ ᠮᠣᠩᠭᠤᠯ ᠰᠤᠪᠢᠯᠠᠯᠲᠠ ᠶᠢᠨ ᠲᠤᠰᠬᠠᠢ ᠮᠡᠷᠭᠡᠵᠢᠯ ᠤᠨ ᠦᠨᠳᠦᠰᠦᠨ ᠠᠩᠭᠢ᠂ ᠠᠰᠫᠢᠷᠠᠨᠲ᠂ ᠳ᠋ᠣᠺᠲ᠋ᠣᠷ ᠤᠨ ᠰᠤᠷᠭᠠᠨ ᠬᠥᠮᠥᠵᠢᠯ ᠢ ᠨᠡᠭᠡᠭᠡᠨ | ᠡᠷᠬᠢᠯᠡᠵᠦ᠂ ᠰᠤᠷᠭᠠᠭᠤᠯᠢ ᠳᠤ ᠰᠠᠭᠤᠭ᠎ᠠ ᠰᠤᠷᠤᠭᠴᠢ ᠶᠢᠨ ᠲᠤᠭ᠎ᠠ ᠨᠡᠶᠢᠲᠡ 4000 ᠭᠠᠷᠤᠢ ᠬᠥᠮᠥᠨ ᠪᠠᠶᠢᠨ᠎ᠠ᠃ ᠤᠯᠤᠰ ᠤᠨ ᠨᠡᠷᠡᠲᠦ ᠠᠬᠠᠮᠠᠳ ᠮᠣᠩᠭᠤᠯ ᠡᠮ | ᠡᠮᠨᠡᠯᠭᠡ ᠬᠢᠲᠠᠳ ᠡᠮ ᠡᠮᠨᠡᠯᠭᠡ ᠶᠢᠨ ᠲᠤᠰᠬᠠᠢ ᠮᠡᠷᠭᠡᠵᠢᠯᠲᠡᠳ ᠤᠨ ᠡᠷᠳᠡᠮ ᠰᠢᠨᠵᠢᠯᠡᠭᠡᠨ ᠤ ᠲᠤᠷᠰᠢᠯᠭ᠎ᠠ ᠶᠢ ᠵᠠᠯᠭᠠᠮᠵᠢᠯᠠᠬᠤ ᠠᠵᠢᠯ ᠤᠨ ᠰᠠᠭᠤᠷᠢᠨ ᠳᠡᠭᠡᠷ᠎ᠡ᠂ | ᠥᠪᠡᠷᠲᠡᠭᠡᠨ ᠵᠠᠰᠠᠬᠤ ᠣᠷᠣᠨ ᠠᠴᠠ ᠬᠤᠶᠠᠷ ᠪᠦᠯᠦᠭ ᠡᠷᠳᠡᠮ ᠰᠢᠨᠵᠢᠯᠡᠭᠡᠨ ᠢ ᠵᠠᠯᠭᠠᠮᠵᠢᠯᠠᠬᠤ ᠠᠵᠢᠯ ᠢ ᠥᠷᠨᠢᠭᠦᠯᠦᠨ᠂ 2088 ᠲᠦᠮᠡᠨ ᠲᠥᠭᠦᠷᠢᠭ ᠵᠠᠷᠤᠴᠠᠭᠤᠯᠵᠤ᠂ | ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ 378 ᠠᠬᠠᠮᠠᠳ ᠲᠤᠰᠬᠠᠢ ᠮᠡᠷᠭᠡᠵᠢᠯᠲᠡᠨ ᠢ ᠰᠢᠯᠭᠠᠷᠠᠭᠤᠯᠤᠨ ᠰᠣᠩᠭᠤᠵᠤ ᠱᠠᠪᠢ ᠳᠠᠭᠠᠭᠤᠯᠤᠨ ᠦᠢᠯᠡᠰ | ᠵᠠᠯᠭᠠᠮᠵᠢᠯᠠᠬᠤ ᠠᠵᠢᠯᠯᠠᠭ᠎ᠠ ᠥᠷᠨᠢᠭᠦᠯᠪᠡ᠃ ᠮᠣᠩᠭᠤᠯ ᠡᠮᠨᠡᠯᠭᠡ ᠶᠢᠨ ᠡᠪᠡᠳᠴᠢᠲᠡᠨ ᠢ ᠰᠠᠬᠢᠨ ᠡᠮᠨᠡᠬᠦ ᠶᠡᠭᠡ ᠡᠮᠴᠢ᠂ ᠪᠦᠬᠦ ᠰᠠᠯᠭᠠᠨ ᠤ ᠶᠡᠭᠡ ᠡᠮᠴᠢ ᠶᠢᠨ | ᠵᠢᠷᠤᠮᠵᠢᠭᠤᠯᠤᠭᠰᠠᠨ ᠪᠣᠯᠪᠠᠰᠤᠷᠠᠭᠤᠯᠤᠯ ᠢ ᠬᠡᠷᠡᠭᠵᠢᠭᠦᠯᠦᠨ᠂ ᠮᠣᠩᠭᠤᠯ ᠡᠮ ᠡᠮᠨᠡᠯᠭᠡ ᠶᠢᠨ ᠰᠤᠷᠭᠠᠨ ᠬᠥᠮᠥᠵᠢᠯ ᠤᠨ ᠪᠦᠷᠢᠨ ᠪᠦᠲᠦᠨ ᠰᠢᠰᠲ᠋ᠧᠮᠵᠢ ᠶᠢ ᠨᠢᠭᠡᠨᠲᠡ | ᠪᠦᠷᠢᠯᠳᠦᠭᠦᠯᠪᠡ᠃ ᠡᠭᠦᠨ ᠳᠤ᠂ ︽ᠬᠢᠲᠠᠳ ᠠᠨᠠᠭᠠᠬᠤ ᠤᠬᠠᠭᠠᠨ ᠤ ᠶᠡᠭᠡ ᠪᠠᠭᠰᠢ︾ 3 ᠬᠥᠮᠥᠨ᠂ ᠥᠪᠡᠷᠲᠡᠭᠡᠨ ᠵᠠᠰᠠᠬᠤ ᠣᠷᠣᠨ ᠤ ᠳᠡᠰ ᠤᠨ ᠨᠡᠷᠡᠲᠦ ᠮᠣᠩᠭᠤᠯ | ᠡᠮᠴᠢ 114 ᠬᠥᠮᠥᠨ ᠪᠠᠶᠢᠨ᠎ᠠ︔ ︽ᠲᠠᠯ᠎ᠠ ᠨᠤᠲᠤᠭ ᠤᠨ ᠰᠣᠳᠣᠨ ᠴᠢᠳᠠᠪᠤᠷᠢᠲᠠᠨ︾ ᠢ ᠰᠢᠯᠭᠠᠷᠠᠭᠤᠯᠬᠤ ᠢᠨᠵᠧᠨᠧᠷᠢᠩ ᠢᠶᠠᠷ ᠳᠠᠮᠵᠢᠭᠤᠯᠤᠨ᠂ ᠬᠢᠴᠢᠶᠡᠯ | ᠰᠢᠨᠵᠢᠯᠡᠭᠡᠨ ᠤ ᠳᠠᠭᠠᠭᠤᠯᠤᠭᠴᠢ᠂ ᠡᠷᠳᠡᠮ ᠰᠢᠨᠵᠢᠯᠡᠭᠡᠨ ᠤ ᠨᠢᠷᠤᠭᠤᠪᠴᠢ ᠬᠦᠴᠦᠨ 40 ᠭᠠᠷᠤᠢ ᠬᠥᠮᠥᠨ ᠢ ᠣᠷᠣᠭᠤᠯᠤᠨ ᠠᠪᠴᠢᠷᠠᠵᠠᠢ᠃ | ᠹᠦ᠋ ᠷᠦᠢ ᠹᠧᠩ᠄ | ᠭᠤᠷᠪᠠ ᠳᠤ᠂ ᠣᠨᠴᠠᠯᠢᠭᠲᠤ ᠳᠠᠪᠠᠭᠤᠯᠢᠭ ᠢ ᠬᠠᠮᠠᠭᠠᠯᠠᠨ ᠪᠠᠳᠠᠷᠠᠭᠤᠯᠪᠠ᠃ ᠥᠪᠡᠷᠲᠡᠭᠡᠨ ᠵᠠᠰᠠᠬᠤ ᠣᠷᠣᠨ ᠠᠴᠠ ᠮᠣᠩᠭᠤᠯ ᠡᠮᠨᠡᠯᠭᠡ ᠶᠢᠨ ᠡᠮᠴᠢᠯᠡᠭᠡᠨ ᠤ | ᠪᠠᠶᠢᠭᠤᠯᠤᠮᠵᠢ ᠶᠢᠨ ᠰᠠᠭᠤᠷᠢ ᠪᠡᠯᠡᠳᠬᠡᠮᠵᠢ ᠶᠢᠨ ᠪᠠᠷᠢᠮᠵᠢᠶᠠᠵᠢᠭᠤᠯᠤᠭᠰᠠᠨ ᠪᠠᠶᠢᠭᠤᠯᠤᠯᠲᠠ ᠶᠢ ᠶᠡᠭᠡ ᠬᠦᠴᠦᠨ ᠢᠶᠠᠷ ᠠᠬᠢᠭᠤᠯᠵᠤ᠂ ᠲᠥᠪ ᠠᠴᠠ ᠣᠷᠣᠭᠤᠯᠤᠭᠰᠠᠨ 17 | ᠳ᠋ᠦᠩᠰᠢᠭᠤᠷ ᠭᠠᠷᠤᠢ ᠲᠥᠭᠦᠷᠢᠭ ᠢ ᠴᠢᠷᠮᠠᠶᠢᠨ ᠣᠯᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ 3 ᠰᠠᠭᠤᠷᠢ᠂ ᠠᠶᠢᠮᠠᠭ ᠬᠤᠲᠠ ᠶᠢᠨ ᠳᠡᠰ ᠤᠨ 8 ᠰᠠᠭᠤᠷᠢ᠂ | ᠬᠤᠰᠢᠭᠤ ᠰᠢᠶᠠᠨ ᠤ ᠳᠡᠰ ᠤᠨ 81 ᠰᠠᠭᠤᠷᠢ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢᠨ ᠦᠨᠳᠦᠰᠦᠨ ᠪᠠᠶᠢᠭᠤᠯᠤᠯᠲᠠ ᠶᠢ ᠪᠡᠶᠡᠯᠡᠭᠦᠯᠪᠡ᠃ ᠮᠣᠩᠭᠤᠯ | ᠡᠮᠨᠡᠯᠭᠡ ᠶᠢᠨ ᠣᠨᠴᠠᠯᠢᠭᠲᠤ ᠳᠠᠪᠠᠭᠤᠯᠢᠭ ᠤᠨ ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢᠨ ᠪᠠᠶᠢᠭᠤᠯᠤᠯᠲᠠ ᠪᠠ ᠮᠣᠩᠭᠤᠯ ᠡᠮ ᠤᠨ ᠨᠠᠶᠢᠷᠠᠯᠭ᠎ᠠ ᠶᠢᠨ ᠲᠠᠰᠤᠭ ᠤᠨ | ᠪᠠᠶᠢᠭᠤᠯᠤᠯᠲᠠ ᠶᠢ ᠴᠢᠩᠭᠠᠷᠠᠭᠤᠯᠤᠨ᠂ ᠤᠯᠤᠰ ᠤᠨ ᠡᠮᠴᠢᠯᠡᠭᠡᠨ ᠤ ᠭᠤᠣᠯᠳᠠᠯᠭ᠎ᠠ ᠲᠠᠢ 9 ᠲᠤᠰᠬᠠᠢ ᠰᠠᠯᠠᠭ᠎ᠠ᠂ ᠤᠯᠤᠰ ᠤᠨ ᠬᠢᠲᠠᠳ ᠡᠮ ᠡᠮᠨᠡᠯᠭᠡ ᠶᠢᠨ | ᠬᠠᠮᠢᠶᠠᠷᠤᠯᠲᠠ ᠶᠢᠨ ᠲᠣᠪᠴᠢᠶ᠎ᠠ ᠶᠢᠨ ︽12 · 5︾ ᠶᠢᠨ ᠭᠤᠣᠯᠳᠠᠯᠭ᠎ᠠ ᠲᠠᠢ ᠰᠠᠯᠠᠭ᠎ᠠ ᠪᠣᠯᠬᠤ 15 ᠲᠤᠰᠬᠠᠢ ᠰᠠᠯᠠᠭ᠎ᠠ ᠪᠠ 8 ᠲᠤᠰᠬᠠᠢ ᠰᠠᠯᠠᠭ᠎ᠠ ᠪᠠᠷ | ᠬᠥᠮᠥᠵᠢᠭᠦᠯᠦᠨ ᠪᠣᠶᠢᠵᠢᠭᠤᠯᠬᠤ ᠲᠥᠷᠥᠯ ᠵᠦᠢᠯ ᠪᠣᠯᠭᠠᠪᠠ᠃ ᠪᠦᠬᠦ ᠣᠷᠣᠨ ᠳᠤ ᠪᠠᠷᠢᠮᠵᠢᠶᠠᠵᠢᠭᠤᠯᠤᠭᠰᠠᠨ ᠮᠣᠩᠭᠤᠯ ᠡᠮ ᠤᠨ ᠨᠠᠶᠢᠷᠠᠯᠭ᠎ᠠ ᠶᠢᠨ 54 ᠲᠠᠰᠤᠭ ᠪᠠᠶᠢᠵᠤ᠂ | ᠦᠢᠯᠡᠳᠪᠦᠷᠢᠯᠡᠭᠰᠡᠨ ᠮᠣᠩᠭᠤᠯ ᠡᠮ ᠤᠨ ᠨᠠᠶᠢᠷᠠᠯᠭ᠎ᠠ ᠶᠢᠨ ᠲᠥᠷᠥᠯ ᠵᠦᠢᠯ ᠨᠢ 800 ᠭᠠᠷᠤᠢ ᠵᠦᠢᠯ ᠳᠤ ᠬᠦᠷᠪᠡ᠃ ᠮᠣᠩᠭᠤᠯ ᠡᠮᠨᠡᠯᠭᠡ ᠶᠢᠨ ᠪᠡᠶ᠎ᠡ ᠰᠤᠪᠢᠯᠠᠯᠲᠠ᠂ | ᠡᠷᠡᠭᠦᠯ ᠮᠡᠨᠳᠦ᠂ ᠡᠷᠡᠭᠦᠯᠵᠢᠯ ᠤᠨ ᠲᠥᠷᠥᠯ ᠵᠦᠢᠯ ᠢ ᠥᠷᠭᠡᠨ ᠢᠶᠠᠷ ᠥᠷᠨᠢᠭᠦᠯᠦᠨ᠂ ᠮᠣᠩᠭᠤᠯ ᠡᠮ ᠡᠮᠨᠡᠯᠭᠡ ᠬᠢᠭᠡᠳ ᠨᠠᠰᠤᠵᠢᠯ᠂ ᠵᠢᠭᠤᠯᠴᠢᠯᠠᠯ ᠢ ᠬᠠᠷᠢᠯᠴᠠᠨ | ᠤᠶᠠᠯᠳᠤᠭᠤᠯᠵᠤ᠂ ᠮᠣᠩᠭᠤᠯ ᠡᠮ ᠡᠮᠨᠡᠯᠭᠡ ᠶᠢᠨ ᠦᠢᠯᠡᠴᠢᠯᠡᠭᠡ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠦᠢᠯᠡᠴᠢᠯᠡᠭᠡ ᠶᠢᠨ ᠬᠡᠪᠴᠢᠶ᠎ᠡ ᠶᠢ ᠨᠢ | ᠲᠠᠰᠤᠷᠠᠯᠲᠠ ᠦᠭᠡᠢ ᠥᠷᠭᠡᠳᠬᠡᠵᠡᠢ᠃ | ᠬᠥᠲᠥᠯᠥᠭᠴᠢ᠄ | ᠮᠣᠩᠭᠤᠯ ᠡᠮ ᠡᠮᠨᠡᠯᠭᠡ ᠪᠣᠯ ᠮᠠᠨ ᠤ ᠣᠷᠣᠨ ᠤ ᠠᠵᠤ ᠠᠬᠤᠢ ᠶᠢᠨ ᠰᠢᠨ᠎ᠡ ᠥᠰᠦᠯᠲᠡ ᠶᠢᠨ ᠴᠡᠭ ᠪᠠᠶᠢᠵᠤ᠂ ᠯᠤᠲᠤ ᠶᠡᠭᠡ ᠬᠥᠭᠵᠢᠯᠲᠡ ᠶᠢᠨ ᠳᠠᠯᠳᠠ ᠬᠦᠴᠦᠨ | ᠲᠠᠢ ᠪᠠᠶᠢᠳᠠᠭ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠮᠣᠩᠭᠤᠯ ᠡᠮ ᠡᠮᠨᠡᠯᠭᠡ ᠶᠢᠨ ᠠᠵᠤ ᠦᠢᠯᠡᠰ ᠢ ︽ᠳᠣᠯᠣᠭᠠᠨ ᠰᠦᠯᠵᠢᠶ᠎ᠡ ᠳᠣᠯᠣᠭᠠᠨ | ᠦᠢᠯᠡᠰ ᠳᠣᠯᠣᠭᠠᠨ ᠰᠢᠨ᠎ᠡ︾ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠣᠷᠣᠭᠤᠯᠪᠠ᠃ ᠲᠡᠭᠡᠪᠡᠯ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠠᠴᠠ ᠮᠣᠩᠭᠤᠯ ᠡᠮ ᠡᠮᠨᠡᠯᠭᠡ ᠶᠢᠨ ᠰᠤᠳᠤᠯᠤᠯᠲᠠ ᠬᠢᠵᠦ ᠰᠢᠨ᠎ᠡ ᠶᠢ ᠡᠭᠦᠳᠬᠦ ᠪᠠ ᠠᠵᠤ ᠦᠢᠯᠡᠰ ᠤᠨ ᠬᠥᠭᠵᠢᠯᠲᠡ ᠶᠢᠨ ᠠᠯᠬᠤᠴᠠ ᠶᠢ ᠬᠡᠷᠬᠢᠨ | ᠲᠦᠷᠭᠡᠳᠬᠡᠭᠰᠡᠨ ᠪᠣᠢ︖ | ᠹᠦ᠋ ᠷᠦᠢ ᠹᠧᠩ᠄ | ᠨᠢᠭᠡ ᠳᠤ᠂ ᠮᠣᠩᠭᠤᠯ ᠡᠮ ᠡᠮᠨᠡᠯᠭᠡ ᠶᠢᠨ ᠪᠠᠷᠢᠮᠵᠢᠶ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠪᠡ᠃ ᠥᠪᠡᠷᠲᠡᠭᠡᠨ ᠵᠠᠰᠠᠬᠤ ᠣᠷᠣᠨ ᠠᠴᠠ | ᠮᠣᠩᠭᠤᠯ ᠡᠮ ᠡᠮᠨᠡᠯᠭᠡ ᠶᠢᠨ ᠪᠠᠷᠢᠮᠵᠢᠶᠠᠵᠢᠭᠤᠯᠤᠯᠲᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠤᠨ᠂ ᠵᠢᠯ ᠪᠦᠷᠢ 500 ᠲᠦᠮᠡᠨ ᠲᠥᠭᠦᠷᠢᠭ ᠤᠨ ᠲᠤᠰᠬᠠᠢ | ᠵᠦᠢᠯ ᠤᠨ ᠪᠡᠯᠡ ᠮᠥᠩᠭᠦ ᠲᠣᠬᠢᠷᠠᠭᠤᠯᠵᠤ᠂ ︽ᠮᠣᠩᠭᠤᠯ ᠡᠮᠨᠡᠯᠭᠡ ᠶᠢᠨ ᠡᠪᠡᠳᠴᠢᠨ ᠡᠮᠭᠡᠭ ᠢ ᠣᠨᠣᠰᠢᠯᠠᠬᠤ ᠡᠮᠴᠢᠯ ᠤᠨ ᠲᠤᠰᠠ ᠶᠢᠨ ᠪᠠᠷᠢᠮᠵᠢᠶ᠎ᠠ︾᠂ ︽ᠥᠪᠥᠷ | ᠮᠣᠩᠭᠤᠯ ᠤᠨ ᠮᠣᠩᠭᠤᠯ ᠡᠮ ᠤᠨ ᠨᠠᠶᠢᠷᠠᠯᠭ᠎ᠠ ᠶᠢᠨ ᠵᠢᠷᠤᠮᠵᠢᠯ︾᠂ ︽ᠥᠪᠥᠷ ᠮᠣᠩᠭᠤᠯ ᠤᠨ ᠮᠣᠩᠭᠤᠯ ᠡᠮ ᠤᠨ ᠮᠠᠲ᠋ᠧᠷᠢᠶᠠᠯ ᠢ ᠨᠣᠮᠣᠬᠠᠳᠬᠠᠬᠤ ᠵᠢᠷᠤᠮᠵᠢᠯ︾᠂ ︽ | ᠥᠪᠥᠷ ᠮᠣᠩᠭᠤᠯ ᠤᠨ ᠮᠣᠩᠭᠤᠯ ᠡᠮ ᠤᠨ ᠮᠠᠲ᠋ᠧᠷᠢᠶᠠᠯ ᠤᠨ ᠪᠠᠷᠢᠮᠵᠢᠶ᠎ᠠ ︵ᠨᠡᠮᠡᠨ ᠨᠥᠬᠦᠪᠦᠷᠢᠯᠡᠭᠰᠡᠨ ᠳᠡᠪᠲᠡᠷ︶︾ ᠵᠡᠷᠭᠡ ᠮᠣᠩᠭᠤᠯ ᠡᠮᠨᠡᠯᠭᠡ ᠪᠤᠶᠤ ᠮᠣᠩᠭᠤᠯ ᠡᠮ ᠤᠨ | 14 ᠪᠣᠳᠢ ᠪᠠᠷᠢᠮᠵᠢᠶ᠎ᠠ ᠶᠢ ᠰᠤᠳᠤᠯᠤᠨ ᠬᠡᠪᠯᠡᠭᠦᠯᠵᠦ᠂ ᠨᠢᠭᠡᠨᠲᠡ ᠠᠵᠢᠯ ᠲᠥᠷᠥᠯ ᠤᠨ ᠳᠣᠲᠣᠭᠠᠳᠤ ᠳᠤ ᠪᠠᠨ ᠳᠡᠯᠭᠡᠷᠡᠭᠦᠯᠦᠨ ᠬᠡᠷᠡᠭᠯᠡᠪᠡ᠃ ︽ᠮᠣᠩᠭᠤᠯ ᠡᠮᠨᠡᠯᠭᠡ ᠶᠢᠨ | ᠤᠯᠠᠮᠵᠢᠯᠠᠯᠲᠤ ᠶᠠᠰᠤ ᠪᠠᠷᠢᠬᠤ ᠮᠡᠷᠭᠡᠵᠢᠯ ᠤᠨ ᠠᠵᠢᠯᠯᠠᠭᠤᠯᠬᠤ ᠵᠢᠷᠤᠮᠵᠢᠯ︾᠂ ︽ᠥᠪᠥᠷ ᠮᠣᠩᠭᠤᠯ ᠤᠨ ᠮᠣᠩᠭᠤᠯ ᠡᠮ ᠤᠨ ᠮᠠᠲ᠋ᠧᠷᠢᠶᠠᠯ ᠢ ᠨᠣᠮᠣᠬᠠᠳᠬᠠᠬᠤ ᠵᠢᠷᠤᠮᠵᠢᠯ | ︵2017 ᠣᠨ ᠤ ᠬᠡᠪᠯᠡᠯ︶︾ ᠵᠡᠷᠭᠡ ᠶᠢᠨ ᠰᠤᠳᠤᠯᠤᠨ ᠲᠣᠭᠲᠠᠭᠠᠬᠤ ᠠᠵᠢᠯ ᠨᠢ ᠤᠷᠤᠭᠰᠢᠲᠠᠢ ᠶᠠᠪᠤᠭᠳᠠᠵᠤ ᠪᠠᠶᠢᠨ᠎ᠠ᠃ ᠮᠣᠩᠭᠤᠯ ᠡᠮ ᠡᠮᠨᠡᠯᠭᠡ ᠪᠠᠷ ᠵᠢᠷᠦᠬᠡ | ᠬᠠᠳᠬᠤᠯᠠᠵᠤ ᠡᠪᠡᠳᠬᠦ᠂ ᠦᠬᠡᠷ ᠢᠯᠢᠳᠦ ᠵᠡᠷᠭᠡ 200 ᠭᠠᠷᠤᠢ ᠡᠪᠡᠳᠴᠢᠨ ᠤ ᠵᠦᠢᠯ ᠢ ᠡᠮᠴᠢᠯᠡᠨ ᠵᠠᠰᠠᠬᠤ ᠵᠦᠭᠯᠡᠭᠦᠷ ᠢ ᠲᠣᠭᠲᠠᠭᠠᠬᠤ ᠠᠵᠢᠯ ᠢ ᠨᠢᠭᠡᠨᠲᠡ 365赢多少钱会被限额_国内有真正的365平台吗_365bet博彩官网 | ᠪᠡᠶᠡᠯᠡᠭᠦᠯᠵᠦ᠂ ᠮᠣᠩᠭᠤᠯ ᠡᠮ ᠤᠨ 285 ᠵᠦᠢᠯ ᠤᠨ ᠪᠠᠷᠢᠮᠵᠢᠶ᠎ᠠ ᠪᠠ ᠵᠢᠷᠤᠮᠵᠢᠯ ᠢ ᠲᠣᠭᠲᠠᠭᠠᠭᠰᠠᠨ ᠪᠠ ᠵᠠᠰᠠᠯᠲᠠ ᠣᠷᠣᠭᠤᠯᠵᠤ᠂ ᠪᠠᠰᠠ 209 ᠵᠦᠢᠯ ᠢ ᠨᠢ ᠶᠠᠭ | ᠰᠠᠶᠢᠬᠠᠨ ᠲᠣᠭᠲᠠᠭᠠᠵᠤ ᠪᠠᠶᠢᠨ᠎ᠠ᠃ | ᠬᠤᠶᠠᠷ ᠲᠤ᠂ ᠮᠣᠩᠭᠤᠯ ᠡᠮ ᠡᠮᠨᠡᠯᠭᠡ ᠶᠢᠨ ᠬᠢᠴᠢᠶᠡᠯ ᠰᠢᠨᠵᠢᠯᠡᠭᠡᠨ ᠤ ᠪᠠᠶᠢᠭᠤᠯᠤᠯᠲᠠ ᠪᠠ ᠰᠢᠨᠵᠢᠯᠡᠬᠦ ᠤᠬᠠᠭᠠᠨ ᠤ ᠰᠤᠳᠤᠯᠭᠠᠨ ᠢ ᠲᠦᠷᠭᠡᠳᠬᠡᠪᠡ᠃ | ᠤᠯᠤᠰ ᠤᠨ ᠳᠡᠰ ᠤᠨ ᠭᠤᠣᠯᠳᠠᠯᠭ᠎ᠠ ᠲᠠᠢ ᠬᠢᠴᠢᠶᠡᠯ ᠲᠥᠷᠥᠯ 12᠂ ᠥᠪᠡᠷᠲᠡᠭᠡᠨ ᠵᠠᠰᠠᠬᠤ ᠣᠷᠣᠨ ᠤ ᠲᠦᠷᠦᠭᠦᠯᠡᠭᠴᠢ ᠭᠤᠣᠯᠳᠠᠯᠭ᠎ᠠ ᠲᠠᠢ ᠬᠢᠴᠢᠶᠡᠯ ᠲᠥᠷᠥᠯ 29᠂ | ᠤᠯᠤᠰ ᠪᠠ ᠥᠪᠡᠷᠲᠡᠭᠡᠨ ᠵᠠᠰᠠᠬᠤ ᠣᠷᠣᠨ ᠤ ᠳᠡᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠰᠤᠳᠤᠯᠤᠨ ᠬᠥᠭᠵᠢᠭᠦᠯᠬᠦ ᠲᠥᠪ 24 ᠪᠠᠶᠢᠨ᠎ᠠ᠃ ᠮᠣᠩᠭᠤᠯ | ᠡᠮ ᠡᠮᠨᠡᠯᠭᠡ ᠪᠠᠷ ᠶᠠᠰᠤᠨ ᠤ ᠦᠶ᠎ᠡ ᠭᠡᠰᠢᠭᠦᠨ ᠤ ᠡᠪᠡᠳᠴᠢᠨ ᠢ ᠡᠮᠨᠡᠨ ᠵᠠᠰᠠᠬᠤ ᠵᠡᠷᠭᠡ 7 ᠵᠦᠢᠯ ᠤᠨ ᠰᠡᠳᠦᠪ ᠨᠢ ᠤᠯᠤᠰ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠤᠯᠭᠠᠭᠤᠷᠢᠯᠠᠯ ᠤᠨ ᠲᠥᠯᠥᠪᠯᠡᠭᠡ ᠳᠤ ᠵᠢᠭᠰᠠᠭᠠᠭᠳᠠᠨ᠂ 20 ᠭᠠᠷᠤᠢ ᠵᠦᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠨᠢ ᠤᠯᠤᠰ ᠤᠨ ᠪᠠᠶᠢᠭᠠᠯᠢ ᠶᠢᠨ | ᠰᠢᠨᠵᠢᠯᠡᠬᠦ ᠤᠬᠠᠭᠠᠨ ᠤ ᠰᠠᠭᠤᠷᠢ ᠮᠥᠩᠭᠦᠨ ᠳᠤ ᠵᠢᠭᠰᠠᠭᠠᠭᠳᠠᠵᠤ᠂ ᠮᠣᠩᠭᠤᠯ ᠡᠮᠨᠡᠯᠭᠡ ᠶᠢᠨ ᠥᠪᠡᠷᠮᠢᠴᠡ ᠣᠨᠴᠠᠯᠢᠭᠲᠤ ᠡᠮᠨᠡᠨ ᠵᠠᠰᠠᠬᠤ ᠮᠡᠷᠭᠡᠵᠢᠯ ᠤᠨ ᠡᠮᠴᠢᠯᠡᠭᠡᠨ ᠤ | ᠰᠤᠳᠤᠯᠤᠯᠲᠠ ᠬᠢᠭᠡᠳ ᠬᠡᠷᠡᠭᠯᠡᠯᠲᠡ᠂ ᠮᠣᠩᠭᠤᠯ ᠡᠮ ᠡᠮᠨᠡᠯᠭᠡ ᠶᠢᠨ ᠣᠳᠣᠬᠢᠴᠢᠯᠠᠭᠰᠠᠨ ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠤᠯᠲᠠ ᠵᠢᠴᠢ ᠮᠣᠩᠭᠤᠯ ᠡᠮ ᠤᠨ ᠠᠵᠤ | ᠦᠢᠯᠡᠰᠵᠢᠯᠲᠠ ᠵᠡᠷᠭᠡ ᠨᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠬᠤᠯᠠ ᠶᠡᠭᠡ ᠲᠤᠰᠬᠠᠢ ᠵᠦᠢᠯ ᠳᠤ ᠵᠢᠭᠰᠠᠭᠠᠭᠳᠠᠵᠠᠢ᠃ | ᠭᠤᠷᠪᠠ ᠳᠤ᠂ ᠮᠣᠩᠭᠤᠯ ᠡᠮ ᠤᠨ ᠮᠠᠲ᠋ᠧᠷᠢᠶᠠᠯ ᠢ ᠰᠤᠳᠤᠯᠬᠤ ᠪᠠ ᠲᠠᠷᠢᠵᠤ ᠪᠣᠶᠢᠵᠢᠭᠤᠯᠬᠤ ᠠᠵᠢᠯ ᠢ ᠥᠷᠨᠢᠭᠦᠯᠪᠡ᠃ ᠮᠣᠩᠭᠤᠯ ᠡᠮ ᠤᠨ ᠬᠡᠭᠡᠷ᠎ᠡ ᠶᠢᠨ ᠡᠮ ᠤᠨ | ᠮᠠᠲ᠋ᠧᠷᠢᠶᠠᠯ ᠤᠨ ᠡᠬᠢ ᠪᠠᠶᠠᠯᠢᠭ ᠲᠤ ᠪᠠᠶᠢᠴᠠᠭᠠᠯᠲᠠ ᠬᠢᠬᠦ᠂ ᠤᠯᠠᠮᠵᠢᠯᠠᠯᠲᠤ ᠵᠣᠷ ᠨᠠᠶᠢᠷᠠᠯᠭ᠎ᠠ ᠶᠢ ᠰᠢᠯᠢᠨ ᠰᠣᠩᠭᠤᠬᠤ ᠵᠡᠷᠭᠡ ᠨᠢ ᠥᠪᠡᠷᠲᠡᠭᠡᠨ ᠵᠠᠰᠠᠬᠤ ᠣᠷᠣᠨ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠱᠠᠩᠨᠠᠯ ᠢ ᠣᠯᠪᠠ᠃ ︽ᠥᠪᠡᠷᠮᠢᠴᠡ ᠣᠨᠴᠠᠯᠢᠭᠲᠤ ᠮᠣᠩᠭᠤᠯ ᠡᠮ ᠤᠨ ᠮᠠᠲ᠋ᠧᠷᠢᠶᠠᠯ ᠬᠢᠭᠡᠳ ᠨᠡᠶᠢᠯᠡᠮᠡᠯ | ᠨᠠᠶᠢᠷᠠᠯᠭ᠎ᠠ ᠶᠢᠨ ᠶᠠᠰᠤ ᠴᠢᠨᠠᠷ ᠤᠨ ᠪᠠᠷᠢᠮᠵᠢᠶ᠎ᠠ ᠵᠢᠴᠢ ᠨᠡᠭᠡᠭᠡᠨ ᠬᠥᠭᠵᠢᠭᠦᠯᠬᠦ ᠰᠤᠳᠤᠯᠤᠯᠲᠠ︾ ᠶᠢ ᠠᠵᠢᠯᠯᠠᠭᠤᠯᠤᠨ ᠬᠡᠷᠡᠭᠵᠢᠭᠦᠯᠪᠡ᠃ ᠲᠣᠮᠣ ᠰᠦᠪᠡᠲᠦ ᠳᠠᠪᠠᠷᠬᠠᠢ ᠶᠢ | ᠰᠠᠯᠭᠠᠬᠤ ᠮᠡᠷᠭᠡᠵᠢᠯ ᠵᠡᠷᠭᠡ ᠣᠳᠣ ᠦᠶ᠎ᠡ ᠶᠢᠨ ᠮᠡᠷᠭᠡᠵᠢᠯ ᠢ ᠬᠡᠷᠡᠭᠯᠡᠨ ᠮᠣᠩᠭᠤᠯ ᠡᠮ ᠤᠨ ᠨᠠᠶᠢᠷᠠᠯᠭ᠎ᠠ ᠳᠤ ᠰᠤᠳᠤᠯᠤᠯᠲᠠ ᠬᠢᠵᠦ ᠦᠷ᠎ᠡ ᠪᠦᠲᠦᠮᠵᠢ ᠣᠯᠪᠠ᠃ ᠨᠢᠭᠡ | ᠪᠦᠯᠦᠭ ᠮᠣᠩᠭᠤᠯ ᠡᠮ ᠪᠠ ᠰᠢᠨ᠎ᠡ ᠪᠠᠷ ᠡᠭᠦᠳᠦᠭᠰᠡᠨ ᠡᠮ ᠵᠢᠴᠢ ᠬᠤᠶᠠᠳᠠᠬᠢ ᠤᠳᠠᠭ᠎ᠠ ᠨᠡᠭᠡᠭᠡᠨ ᠬᠥᠭᠵᠢᠭᠦᠯᠦᠭᠰᠡᠨ ᠨᠡᠶᠢᠲᠡ ᠶᠢᠨ ᠴᠢᠨᠠᠷᠲᠠᠢ ᠵᠠᠩᠭᠢᠯᠠᠭ᠎ᠠ ᠶᠢᠨ | ᠮᠡᠷᠭᠡᠵᠢᠯ ᠳᠤ ᠰᠢᠪᠲᠤᠯᠤᠯᠲᠠ ᠬᠢᠪᠡ᠃ ᠥᠪᠡᠷᠲᠡᠭᠡᠨ ᠵᠠᠰᠠᠬᠤ ᠣᠷᠣᠨ ᠠᠴᠠ ᠵᠢᠩᠬᠢᠨᠢ ᠪᠠᠶᠢᠭᠠᠯᠢᠯᠢᠭ ᠡᠮ ᠤᠨ ᠮᠠᠲ᠋ᠧᠷᠢᠶᠠᠯ᠂ ᠥᠷᠭᠡᠨ ᠬᠡᠷᠡᠭᠴᠡᠭᠡᠨ ᠤ ᠡᠮ ᠤᠨ | ᠮᠠᠲ᠋ᠧᠷᠢᠶᠠᠯ ᠤᠨ ᠣᠷᠣᠨ ᠪᠦᠰᠡᠵᠢᠭᠦᠯᠬᠦ ᠪᠠ ᠬᠡᠪᠴᠢᠶᠡᠵᠢᠭᠦᠯᠦᠨ ᠲᠠᠷᠢᠵᠤ ᠤᠷᠭᠤᠭᠤᠯᠬᠤ ᠶᠢ ᠥᠷᠨᠢᠭᠦᠯᠦᠨ᠂ ᠪᠦᠬᠦ ᠣᠷᠣᠨ ᠤ ᠡᠮ ᠤᠨ ᠮᠠᠲ᠋ᠧᠷᠢᠶᠠᠯ ᠤᠨ ᠲᠠᠷᠢᠵᠤ | ᠤᠷᠭᠤᠭᠤᠯᠤᠭᠰᠠᠨ ᠲᠠᠯᠠᠪᠠᠢ ᠨᠢ 131 ᠲᠦᠮᠡᠨ ᠮᠦ ᠳᠤ ᠬᠦᠷᠪᠡ᠃ ᠡᠮ ᠳᠤ ᠬᠡᠷᠡᠭᠯᠡᠬᠦ ᠤᠷᠭᠤᠮᠠᠯ ᠢ ᠲᠠᠷᠢᠵᠤ ᠤᠷᠠᠭᠤᠯᠬᠤ ᠡᠬᠢ ᠪᠠᠶᠠᠯᠢᠭ ᠤᠨ ᠬᠥᠮᠥᠷᠭᠡ ᠶᠢ | ᠪᠠᠶᠢᠭᠤᠯᠤᠨ᠂ 30 ᠭᠠᠷᠤᠢ ᠵᠦᠢᠯ ᠤᠨ ᠮᠣᠩᠭᠤᠯ ᠡᠮ ᠤᠨ ᠮᠠᠲ᠋ᠧᠷᠢᠶᠠᠯ ᠢ ᠲᠠᠷᠢᠵᠤ ᠤᠷᠭᠤᠭᠤᠯᠬᠤ ᠮᠡᠷᠭᠡᠵᠢᠯ ᠢ ᠰᠤᠳᠤᠯᠬᠤ ᠬᠢᠭᠡᠳ ᠳᠡᠯᠭᠡᠷᠡᠭᠦᠯᠬᠦ ᠶᠢ ᠥᠷᠨᠢᠭᠦᠯᠪᠡ᠃ | ᠮᠣᠩᠭᠤᠯ ᠡᠮ ᠤᠨ ᠮᠠᠲ᠋ᠧᠷᠢᠶᠠᠯ ᠢ ᠲᠠᠷᠢᠵᠤ ᠤᠷᠭᠤᠭᠤᠯᠤᠭᠰᠠᠨ 4 ᠠᠵᠤ ᠠᠬᠤᠶᠢᠯᠠᠯ ᠨᠢ ᠤᠯᠤᠰ ᠤᠨ ︽ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ | ᠳᠡᠰ ᠳᠡᠪᠰᠢᠬᠦ ᠪᠡᠯᠡ ᠮᠥᠩᠭᠦ ᠶᠢᠨ ᠳᠡᠭᠡᠭᠰᠢᠯᠡᠭᠦᠯᠦᠨ ᠪᠠᠲᠤᠯᠠᠬᠤ ᠬᠦᠷᠢᠶ᠎ᠡ ᠴᠠᠷᠠᠭᠠᠨ ᠤ ᠲᠥᠷᠥᠯ ᠵᠦᠢᠯ︾ ᠳᠤ ᠵᠢᠭᠰᠠᠭᠠᠭᠳᠠᠵᠠᠢ᠃ ᠴᠠᠭᠠᠨ ᠰᠤᠷᠤᠯᠤ᠂ ᠬᠤᠷᠳᠤᠨ | ᠴᠠᠭᠠᠨ ᠤ ᠭᠠᠷᠤᠯᠲᠠ ᠨᠢ ᠪᠦᠬᠦ ᠤᠯᠤᠰ ᠤᠨ ᠭᠠᠷᠤᠯᠲᠠ ᠶᠢᠨ 80% ᠪᠠ 40% ᠶᠢ ᠡᠵᠡᠯᠡᠵᠦ᠂ ᠤᠯᠠᠭᠠᠨᠬᠠᠳᠠ ᠬᠤᠲᠠ ᠶᠢᠨ ᠬᠠᠷᠠᠴᠢᠨ ᠬᠤᠰᠢᠭᠤ ᠨᠢ ᠪᠦᠬᠦ | ᠤᠯᠤᠰ ᠤᠨ ᠨᠠᠢᠮᠠᠨ ᠶᠡᠭᠡ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠭᠠᠵᠠᠷ ᠤᠨ ᠨᠢᠭᠡ ᠪᠠᠷ ᠵᠢᠭᠰᠠᠭᠠᠭᠳᠠᠵᠠᠢ᠃ | ᠹᠦ᠋ ᠷᠦᠢ ᠹᠧᠩ᠄ | ᠳᠥᠷᠪᠡ ᠳᠤ᠂ ᠮᠣᠩᠭᠤᠯ ᠡᠮ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠪᠠ᠃ ᠪᠦᠬᠦ ᠣᠷᠣᠨ ᠳᠤ 18 ᠮᠣᠩᠭᠤᠯ ᠡᠮ ᠤᠨ ᠦᠢᠯᠡᠳᠪᠦᠷᠢᠯᠡᠯ ᠤᠨ | ᠠᠵᠤ ᠠᠬᠤᠶᠢᠯᠠᠯ ᠪᠠᠶᠢᠵᠤ᠂ ᠳᠠᠩᠰᠠᠯᠠᠭᠤᠯᠤᠭᠰᠠᠨ ᠲᠥᠷᠥᠯ ᠵᠦᠢᠯ ᠨᠢ 128᠂ ᠵᠢᠯ ᠤᠨ ᠪᠣᠷᠣᠯᠠᠭᠤᠯᠤᠯᠲᠠ ᠶᠢᠨ ᠲᠤᠭ᠎ᠠ ᠨᠢ 16 ᠳ᠋ᠦᠩᠰᠢᠭᠤᠷ ᠲᠥᠭᠦᠷᠢᠭ ᠲᠤ | ᠬᠦᠷᠴᠡᠢ᠃ ᠡᠮᠴᠢᠯᠡᠭᠡ ᠶᠢᠨ ᠪᠠᠶᠢᠭᠤᠯᠤᠮᠵᠢ ᠶᠢᠨ ᠮᠣᠩᠭᠤᠯ ᠡᠮ ᠤᠨ ᠨᠠᠶᠢᠷᠠᠯᠭ᠎ᠠ ᠶᠢᠨ ᠲᠠᠰᠤᠭ 54᠂ ᠨᠠᠶᠢᠷᠠᠯᠭ᠎ᠠ ᠶᠢᠨ ᠵᠥᠪᠰᠢᠶᠡᠷᠡᠯ ᠤᠨ ᠪᠢᠴᠢᠭ ᠤᠨ ᠨᠣᠮᠧᠷ | 4756 ᠪᠠᠶᠢᠵᠤ᠂ ᠮᠣᠩᠭᠤᠯ ᠡᠮ ᠤᠨ ᠨᠠᠶᠢᠷᠠᠯᠭ᠎ᠠ ᠶᠢᠨ ᠵᠢᠯ ᠤᠨ ᠪᠣᠷᠣᠯᠠᠭᠤᠯᠤᠯᠲᠠ ᠶᠢᠨ ᠲᠤᠭ᠎ᠠ ᠨᠢ 2 ᠳ᠋ᠦᠩᠰᠢᠭᠤᠷ ᠲᠥᠭᠦᠷᠢᠭ ᠢ ᠳᠠᠪᠠᠪᠠ᠃ ᠲᠦᠩᠯᠢᠶᠣᠣ ᠶᠢᠨ | ︽ᠮᠣᠩᠭᠤᠯ ᠡᠮ ᠡᠮᠨᠡᠯᠭᠡ ᠶᠢᠨ ᠬᠤᠲᠠ︾ ᠶᠢᠨ ᠪᠠᠶᠢᠭᠤᠯᠤᠯᠲᠠ ᠶᠢ ᠶᠡᠭᠡ ᠬᠦᠴᠦᠨ ᠢᠶᠠᠷ ᠳᠡᠮᠵᠢᠨ᠂ ᠳᠠᠪᠠᠭᠤᠯᠢᠭ ᠠᠵᠤ ᠠᠬᠤᠶᠢᠯᠠᠯ ᠪᠠ ᠳᠠᠪᠠᠭᠤᠯᠢᠭ ᠨᠡᠷᠡᠲᠦ | ᠲᠡᠮᠳᠡᠭᠲᠦ ᠶᠢᠨ ᠪᠠᠶᠢᠯᠳᠤᠬᠤ ᠪᠣᠳᠣᠯᠭ᠎ᠠ ᠶᠢ ᠠᠬᠢᠭᠤᠯᠵᠤ᠂ ᠥᠪᠥᠷ ᠮᠣᠩᠭᠤᠯ ᠤᠨ ᠮᠣᠩᠭᠤᠯ ᠡᠮ ᠦᠢᠯᠡᠳᠬᠦ ᠬᠢᠵᠠᠭᠠᠷᠲᠤ ᠺᠣᠮᠫᠠᠨᠢ᠂ ᠤᠯᠠᠭᠠᠨᠬᠤᠲᠠ ᠶᠢᠨ ᠬᠢᠲᠠᠳ | ᠮᠣᠩᠭᠤᠯ ᠡᠮ ᠦᠢᠯᠡᠳᠬᠦ ᠬᠢᠵᠠᠭᠠᠷᠲᠤ ᠺᠣᠮᠫᠠᠨᠢ ᠵᠡᠷᠭᠡ ᠵᠢᠯ ᠤᠨ ᠪᠣᠷᠣᠯᠠᠭᠤᠯᠭ᠎ᠠ ᠶᠢᠨ ᠲᠤᠭ᠎ᠠ ᠨᠢ ᠳ᠋ᠦᠩᠰᠢᠭᠤᠷ ᠲᠥᠭᠦᠷᠢᠭ ᠢ ᠳᠠᠪᠠᠭᠰᠠᠨ ᠮᠣᠩᠭᠤᠯ ᠡᠮ ᠤᠨ ᠠᠵᠤ | ᠠᠬᠤᠶᠢᠯᠠᠯ ᠢ ᠪᠠᠶᠢᠭᠤᠯᠪᠠ᠃ ᠰᠢᠨ᠎ᠡ ᠭᠠᠷ ᠤᠷᠠᠯᠠᠯ᠂ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ ᠶᠢ ᠨᠡᠭᠡᠭᠡᠨ ᠬᠥᠭᠵᠢᠭᠦᠯᠬᠦ ᠬᠢᠭᠡᠳ ᠬᠡᠷᠡᠭᠯᠡᠬᠦ ᠶᠢ ᠢᠳᠡᠪᠬᠢᠲᠡᠢ | ᠥᠷᠨᠢᠭᠦᠯᠵᠦ᠂ ᠮᠣᠩᠭᠤᠯ ᠡᠮ ᠤᠨ ᠵᠠᠬ᠎ᠠ ᠳᠡᠯᠭᠡᠭᠦᠷ ᠤᠨ ᠠᠯᠳᠠᠷᠰᠢᠯ ᠢ ᠥᠷᠭᠡᠳᠬᠡᠨ᠂ ᠮᠣᠩᠭᠤᠯ ᠡᠮ ᠤᠨ ᠦᠢᠯᠡᠳᠬᠦᠨ ᠤ ᠥᠷᠲᠡᠭ ᠤᠨ ᠬᠤᠪᠢ ᠶᠢᠨ ᠲᠤᠭ᠎ᠠ ᠪᠠ | ᠵᠠᠬ᠎ᠠ ᠳᠡᠯᠭᠡᠭᠦᠷ ᠤᠨ ᠡᠵᠡᠯᠡᠬᠦ ᠬᠠᠷᠢᠴᠠᠯ ᠢ ᠴᠢᠷᠮᠠᠶᠢᠨ ᠳᠡᠭᠡᠭᠰᠢᠯᠡᠭᠦᠯᠪᠡ᠃ ᠣᠳᠣᠬᠠᠨ ᠳᠤ᠂ ᠪᠣᠯᠣᠷ ᠬᠤᠮᠵᠢᠶ᠎ᠠ ᠡᠮ᠂ ᠡᠷᠬᠢᠮ — 8 ᠬᠤᠮᠵᠢᠶ᠎ᠠ ᠡᠮ᠂ ᠪᠥᠭᠡᠷ᠎ᠡ | ᠭᠤᠶᠣᠣ ᠮᠥᠬᠦᠯᠢᠭ᠂ ᠡᠷᠳᠡᠨᠢ ᠶᠢᠨ ᠦᠷᠡᠯ᠂ ᠵᠠᠴᠦ᠋ᠩ — 13᠂ ᠰᠣᠷᠣᠯᠣ — 4 ᠬᠤᠮᠵᠢᠶ᠎ᠠ ᠡᠮ ᠵᠡᠷᠭᠡ 10 ᠭᠠᠷᠤᠢ ᠵᠦᠢᠯ ᠤᠨ ᠮᠣᠩᠭᠤᠯ ᠡᠮ ᠤᠨ ᠨᠡᠷᠡᠲᠦ | ᠲᠡᠮᠳᠡᠭᠲᠦ ᠦᠢᠯᠡᠳᠬᠦᠨ ᠨᠢ ᠪᠦᠬᠦ ᠤᠯᠤᠰ ᠤᠨ ᠡᠯ᠎ᠡ ᠭᠠᠵᠠᠷ ᠲᠤ ᠪᠣᠷᠣᠯᠠᠭᠤᠯᠤᠭᠳᠠᠵᠤ᠂ ᠲᠡᠭᠦᠨ ᠤ ᠳᠣᠲᠣᠷ᠎ᠠ ᠡᠷᠳᠡᠨᠢ ᠶᠢᠨ ᠦᠷᠡᠯ ᠵᠡᠷᠭᠡ 3 ᠳᠠᠩ ᠲᠥᠷᠥᠯ | ᠵᠦᠢᠯ ᠤᠨ ᠵᠢᠯ ᠤᠨ ᠪᠣᠷᠣᠯᠠᠭᠤᠯᠭ᠎ᠠ ᠶᠢᠨ ᠲᠤᠭ᠎ᠠ ᠨᠢ 5000 ᠲᠦᠮᠡᠨ ᠲᠥᠭᠦᠷᠢᠭ ᠢ ᠳᠠᠪᠠᠵᠠᠢ᠃ | ᠬᠥᠲᠥᠯᠥᠭᠴᠢ᠄ | ᠮᠣᠩᠭᠤᠯ ᠡᠮ ᠡᠮᠨᠡᠯᠭᠡ ᠶᠢᠨ ᠰᠣᠶᠣᠯ ᠪᠣᠯ ᠮᠣᠩᠭᠤᠯ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠤᠨ ᠴᠢᠬᠤᠯᠠ ᠪᠦᠷᠢᠯᠳᠦᠬᠦᠨ ᠬᠡᠰᠡᠭ ᠪᠣᠯᠣᠨ᠎ᠠ᠃ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠮᠣᠩᠭᠤᠯ ᠡᠮ ᠡᠮᠨᠡᠯᠭᠡ ᠶᠢᠨ ᠰᠣᠶᠣᠯ ᠢ ᠬᠡᠷᠬᠢᠨ ᠤᠯᠠᠮᠵᠢᠯᠠᠭᠰᠠᠨ ᠪᠠ ᠤᠬᠠᠭᠤᠯᠤᠨ ᠳᠡᠯᠭᠡᠷᠡᠭᠦᠯᠦᠭᠰᠡᠨ | ᠪᠣᠢ︖ | ᠹᠦ᠋ ᠷᠦᠢ ᠹᠧᠩ᠄ | ᠨᠢᠭᠡ ᠳᠤ᠂ ᠮᠣᠩᠭᠤᠯ ᠡᠮ ᠡᠮᠨᠡᠯᠭᠡ ᠶᠢᠨ ᠰᠣᠶᠣᠯ ᠢ ᠤᠯᠠᠮᠵᠢᠯᠠᠨ ᠬᠠᠮᠠᠭᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠪᠡ᠃ ᠮᠣᠩᠭᠤᠯ | ᠡᠮᠨᠡᠯᠭᠡ ᠶᠢᠨ 5 ᠵᠦᠢᠯ ᠤᠨ ᠥᠪᠡᠷᠮᠢᠴᠡ ᠣᠨᠴᠠᠯᠢᠭᠲᠤ ᠮᠡᠷᠭᠡᠵᠢᠯ ᠨᠢ ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠳᠤ | ᠵᠢᠭᠰᠠᠭᠠᠭᠳᠠᠨ᠂ 24 ᠵᠦᠢᠯ ᠨᠢ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠳᠤ ᠵᠢᠭᠰᠠᠭᠠᠭᠳᠠᠪᠠ᠃ 3 | ᠨᠡᠷᠡᠲᠦ ᠮᠣᠩᠭᠤᠯ ᠡᠮᠴᠢ ᠨᠢ ᠤᠯᠤᠰ ᠤᠨ ᠳᠡᠰ ᠤᠨ ᠲᠥᠯᠥᠭᠡᠯᠡᠭᠴᠢ ᠴᠢᠨᠠᠷᠲᠠᠢ ᠤᠯᠠᠮᠵᠢᠯᠠᠭᠴᠢ ᠪᠣᠯᠵᠤ᠂ 42 ᠨᠡᠷᠡᠲᠦ ᠮᠣᠩᠭᠤᠯ ᠡᠮᠴᠢ ᠨᠢ ᠥᠪᠡᠷᠲᠡᠭᠡᠨ ᠵᠠᠰᠠᠬᠤ | ᠣᠷᠣᠨ ᠤ ᠳᠡᠰ ᠤᠨ ᠲᠥᠯᠥᠭᠡᠯᠡᠭᠴᠢ ᠴᠢᠨᠠᠷᠲᠠᠢ ᠤᠯᠠᠮᠵᠢᠯᠠᠭᠴᠢ ᠪᠣᠯᠪᠠ᠃ ᠤᠯᠤᠰ ᠤᠨ ᠳᠡᠰ ᠤᠨ ᠡᠷᠳᠡᠮ ᠰᠢᠨᠵᠢᠯᠡᠭᠡᠨ ᠤ ᠤᠯᠠᠮᠵᠢᠯᠠᠯ ᠤᠨ ᠠᠵᠢᠯ ᠤᠨ 18 ᠲᠠᠰᠤᠭ ᠢ | ᠪᠠᠶᠢᠭᠤᠯᠤᠨ᠂ ᠨᠡᠷᠡᠲᠦ ᠠᠬᠠᠮᠠᠳ ᠮᠣᠩᠭᠤᠯ ᠡᠮ ᠡᠮᠨᠡᠯᠭᠡ ᠶᠢᠨ ᠲᠤᠰᠬᠠᠢ ᠮᠡᠷᠭᠡᠵᠢᠯᠲᠡᠨ ᠤ ᠲᠤᠷᠰᠢᠯᠭ᠎ᠠ ᠶᠢ ᠵᠠᠯᠭᠠᠮᠵᠢᠯᠠᠬᠤ ᠠᠵᠢᠯ ᠢ ᠥᠷᠨᠢᠭᠦᠯᠵᠦ᠂ 360 ᠭᠠᠷᠤᠢ | ᠲᠤᠰᠬᠠᠢ ᠮᠡᠷᠭᠡᠵᠢᠯᠲᠡᠨ ᠤ ᠡᠷᠳᠡᠮ ᠰᠢᠨᠵᠢᠯᠡᠭᠡᠨ ᠤ ᠲᠤᠷᠰᠢᠯᠭ᠎ᠠ ᠶᠢ ᠵᠠᠯᠭᠠᠮᠵᠢᠯᠠᠬᠤ ᠶᠢ ᠪᠡᠶᠡᠯᠡᠭᠦᠯᠦᠨ᠂ 700 ᠭᠠᠷᠤᠢ ᠵᠠᠯᠭᠠᠮᠵᠢᠯᠠᠭᠴᠢ ᠶᠢ ᠬᠥᠮᠥᠵᠢᠭᠦᠯᠪᠡ᠃ ᠥᠪᠥᠷ | ᠮᠣᠩᠭᠤᠯ ᠤᠨ ᠪᠠᠶᠢᠭᠠᠯᠢ ᠶᠢᠨ ᠲᠡᠦᠬᠡ ᠶᠢᠨ ᠮᠦᠽᠧᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ ᠳᠤ ᠮᠣᠩᠭᠤᠯ ᠡᠮ ᠡᠮᠨᠡᠯᠭᠡ ᠶᠢᠨ ᠦᠵᠡᠭᠦᠯᠭᠡ ᠶᠢ | ᠨᠡᠭᠡᠭᠡᠵᠦ᠂ ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠵᠢᠴᠢ ᠬᠤᠶᠠᠷ ᠰᠠᠭᠤᠷᠢ ᠶᠡᠭᠡ ᠰᠤᠷᠭᠠᠭᠤᠯᠢ ᠳᠤ ᠲᠤᠰ ᠲᠤᠰ ᠮᠣᠩᠭᠤᠯ ᠡᠮ | ᠡᠮᠨᠡᠯᠭᠡ ᠶᠢᠨ ᠮᠦᠽᠧᠢ ᠶᠢ ᠪᠠᠶᠢᠭᠤᠯᠪᠠ᠃ ᠮᠣᠩᠭᠤᠯ ᠡᠮ ᠡᠮᠨᠡᠯᠭᠡ ᠶᠢᠨ ᠲᠥᠷᠥᠯ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠭᠴᠢ ᠴᠢᠨᠠᠷᠲᠠᠢ ᠲᠥᠷᠥᠯ | ᠵᠦᠢᠯ ᠤᠨ ᠲᠥᠷᠥᠯ ᠵᠦᠢᠯ ᠪᠠ ᠲᠤᠭ᠎ᠠ ᠬᠡᠮᠵᠢᠶ᠎ᠡ ᠨᠢ ᠵᠢᠯ ᠳᠠᠷᠠᠭᠠᠯᠠᠨ ᠨᠡᠮᠡᠭᠳᠡᠵᠡᠢ᠃ | ᠬᠤᠶᠠᠷ ᠲᠤ᠂ ᠤᠬᠠᠭᠤᠯᠭ᠎ᠠ ᠶᠢᠨ ᠡᠷᠴᠢᠮ ᠢ ᠲᠠᠰᠤᠷᠠᠯᠲᠠ ᠦᠭᠡᠢ ᠴᠢᠩᠭᠠᠷᠠᠭᠤᠯᠪᠠ᠃ ᠭᠤᠣᠯᠯᠠᠭᠴᠢ ᠵᠠᠭᠤᠴᠢᠯᠠᠭᠤᠷ ᠤᠳ ᠲᠤ ᠲᠤᠰᠬᠠᠢ ᠪᠣᠯᠣᠩ ᠨᠡᠭᠡᠭᠡᠵᠦ᠂ | ᠮᠣᠩᠭᠤᠯ ᠡᠮ ᠡᠮᠨᠡᠯᠭᠡ ᠶᠢᠨ ᠬᠥᠭᠵᠢᠯᠲᠡ ᠶᠢᠨ ᠦᠷ᠎ᠡ ᠪᠦᠲᠦᠭᠡᠯ᠂ ᠳᠠᠪᠠᠭᠤᠯᠢᠭ ᠣᠨᠴᠠᠯᠢᠭ᠂ ᠡᠪᠡᠳᠴᠢᠨ ᠵᠠᠰᠠᠬᠤ ᠣᠨᠣᠯᠵᠢᠬᠤᠨ᠂ ᠲᠤᠰᠬᠠᠢ ᠮᠡᠷᠭᠡᠵᠢᠯᠲᠡᠨ ᠤ | ᠪᠦᠯᠬᠦᠮ᠂ ᠡᠮᠴᠢᠯᠡᠭᠡ ᠶᠢᠨ ᠪᠠᠶᠢᠭᠤᠯᠤᠮᠵᠢ ᠵᠡᠷᠭᠡ ᠪᠠᠶᠢᠳᠠᠯ ᠳᠤ ᠣᠯᠠᠨ ᠬᠠᠷᠠᠭᠠᠰᠤ᠂ ᠭᠦᠨ ᠳᠡᠰ ᠳᠠᠪᠬᠤᠷᠭ᠎ᠠ ᠠᠴᠠ ᠤᠬᠠᠭᠤᠯᠭ᠎ᠠ ᠬᠢᠪᠡ᠃ ᠥᠪᠡᠷᠲᠡᠭᠡᠨ ᠵᠠᠰᠠᠬᠤ | ᠣᠷᠣᠨ ᠠᠴᠠ ᠮᠣᠩᠭᠤᠯ ᠡᠮ ᠡᠮᠨᠡᠯᠭᠡ ᠶᠢᠨ ᠠᠵᠢᠯᠯᠠᠭ᠎ᠠ ᠶᠢ ︽ᠲᠠᠯ᠎ᠠ ᠨᠤᠲᠤᠭ ᠤᠨ ᠰᠣᠶᠣᠯ ᠤᠨ ᠨᠠᠶᠢᠷ︾ ᠪᠠ ︽ᠳᠤᠮᠳᠠᠳᠤ ᠮᠣᠩᠭᠤᠯ ᠤᠨ ᠦᠵᠡᠰᠬᠦᠯᠡᠩ︾ ᠳᠤ | ᠣᠷᠣᠭᠤᠯᠵᠤ᠂ ᠲᠦᠩᠯᠢᠶᠣᠣ ᠬᠤᠲᠠ ᠳᠤ 3 ᠵᠢᠯ ᠳᠠᠷᠠᠭᠠᠯᠠᠨ ᠣᠯᠠᠨ ᠤᠯᠤᠰ ᠤᠨ ᠮᠣᠩᠭᠤᠯ ᠡᠮ ᠡᠮᠨᠡᠯᠭᠡ ᠶᠢᠨ ᠦᠢᠯᠡᠰ ᠤᠨ ᠦᠵᠡᠰᠬᠦᠯᠡᠩ ᠢ ᠡᠷᠬᠢᠯᠡᠪᠡ᠃ ᠮᠣᠩᠭᠤᠯ | ᠡᠮ ᠡᠮᠨᠡᠯᠭᠡ ᠪᠠᠷ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠴᠢᠬᠤᠯᠠ ᠠᠭᠤᠯᠭ᠎ᠠ ᠪᠣᠯᠭᠠᠬᠤ ᠶᠢ ᠪᠠᠷᠢᠮᠲᠠᠯᠠᠵᠤ᠂ ᠵᠡᠷᠭᠡ ᠪᠠᠷ | ᠰᠤᠳᠤᠯᠤᠨ᠂ ᠨᠢᠭᠡᠳᠦᠯᠲᠡᠢ ᠲᠥᠯᠥᠵᠢᠭᠦᠯᠦᠨ ᠲᠣᠬᠢᠷᠠᠭᠤᠯᠵᠤ᠂ ᠪᠦᠬᠦᠯᠢ ᠴᠣᠭᠴᠠ ᠪᠠᠷ ᠠᠬᠢᠭᠤᠯᠤᠨ᠂ ᠮᠣᠩᠭᠤᠯ ᠡᠮ ᠡᠮᠨᠡᠯᠭᠡ ᠶᠢᠨ ᠦᠢᠯᠡᠴᠢᠯᠡᠭᠡ ᠬᠠᠩᠭᠠᠯᠭ᠎ᠠ ᠶᠢ | ᠬᠥᠭᠵᠢᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠠᠷᠠᠳ ᠲᠤ ᠠᠰᠢᠭ ᠬᠦᠷᠲᠡᠭᠡᠬᠦ ᠦᠷ᠎ᠡ ᠪᠦᠲᠦᠮᠵᠢ ᠶᠢ | ᠳᠡᠭᠡᠭᠰᠢᠯᠡᠭᠦᠯᠵᠡᠢ᠃ | ᠭᠤᠷᠪᠠ ᠳᠤ᠂ ᠭᠠᠳᠠᠭᠰᠢ ᠰᠣᠯᠢᠯᠴᠠᠭ᠎ᠠ ᠬᠢᠬᠦ ᠶᠢ ᠢᠳᠡᠪᠬᠢᠲᠡᠢ ᠠᠬᠢᠭᠤᠯᠪᠠ᠃ ᠮᠣᠩᠭᠤᠯ ᠡᠮ ᠡᠮᠨᠡᠯᠭᠡ ᠶᠢᠨ ᠭᠠᠳᠠᠭᠰᠢ ᠰᠣᠯᠢᠯᠴᠠᠭ᠎ᠠ ᠬᠢᠵᠦ | ᠬᠠᠮᠲᠤᠷᠠᠯᠴᠠᠬᠤ ᠶᠢ ︽ᠳᠤᠮᠳᠠᠳᠤ ᠮᠣᠩᠭᠤᠯ ᠤᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠴᠠᠭ᠎ᠠ ᠶᠢᠨ ᠳᠤᠮᠳᠠ ᠤᠷᠲᠤ ᠬᠤᠭᠤᠴᠠᠭᠠᠨ ᠤ ᠬᠥᠭᠵᠢᠯᠲᠡ ᠶᠢᠨ | ᠬᠥᠲᠥᠯᠪᠦᠷᠢ︾ ᠳᠤ ᠣᠷᠣᠭᠤᠯᠤᠨ᠂ ᠡᠯ᠎ᠡ ᠱᠠᠲᠤᠨ ᠤ ᠮᠣᠩᠭᠤᠯ ᠡᠮᠨᠡᠯᠭᠡ ᠶᠢᠨ ᠬᠤᠷᠢᠶ᠎ᠠ ᠶᠢᠨ ᠮᠣᠩᠭᠤᠯ᠂ ᠣᠷᠣᠰ᠂ ᠠᠮᠧᠷᠢᠺᠠ᠂ ᠶᠠᠫᠤᠨ᠂ ᠹᠷᠠᠨᠼᠢ ᠵᠡᠷᠭᠡ ᠤᠯᠤᠰ | ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠡᠳᠦᠷ ᠢᠷᠡᠬᠦᠶ᠎ᠡ ᠣᠯᠠᠰᠢᠷᠠᠭᠤᠯᠵᠤ᠂ ᠣᠯᠠᠨ ᠵᠦᠢᠯ ᠤᠨ ᠬᠠᠮᠲᠤᠷᠠᠯᠴᠠᠭᠠᠨ ᠤ ᠬᠡᠯᠡᠯᠴᠡᠭᠡᠷ ᠢ ᠲᠣᠭᠲᠠᠭᠠᠨ᠂ ᠮᠣᠩᠭᠤᠯ | ᠡᠮᠨᠡᠯᠭᠡ ᠶᠢᠨ ᠬᠡᠳᠦᠨ ᠠᠷᠪᠠᠨ ᠵᠦᠢᠯ ᠤᠨ ᠭᠠᠳᠠᠷ ᠵᠠᠰᠠᠯᠭ᠎ᠠ ᠶᠢᠨ ᠠᠷᠭ᠎ᠠ᠂ ᠪᠡᠶ᠎ᠡ ᠰᠡᠳᠬᠢᠴᠡ ᠶᠢᠨ ᠠᠨᠠᠭᠠᠬᠤ ᠤᠬᠠᠭᠠᠨ᠂ ᠪᠡᠯᠴᠢᠷᠳᠡᠬᠦ ᠵᠡᠷᠭᠡ ᠪᠦᠲᠦᠮᠵᠢᠲᠡᠢ ᠡᠮᠨᠡᠬᠦ | ᠠᠷᠭ᠎ᠠ ᠨᠢ ᠶᠠᠪᠤᠬᠤ ᠲᠤᠲᠤᠮ ᠣᠯᠠᠨ ᠤᠯᠤᠰ ᠤᠨ ᠬᠢᠨ ᠤ ᠵᠥᠪᠰᠢᠶᠡᠷᠡᠯ ᠢ ᠣᠯᠵᠤ᠂ ᠪᠦᠬᠦ ᠣᠷᠣᠨ ᠳᠤ ᠵᠢᠯ ᠪᠦᠷᠢ ᠮᠣᠩᠭᠤᠯ ᠤᠯᠤᠰ ᠪᠠ ᠣᠷᠣᠰ ᠤᠯᠤᠰ ᠤᠨ | ᠪᠠᠷᠤᠭ 2 — 3 ᠲᠦᠮᠡᠨ ᠡᠪᠡᠳᠴᠢᠲᠡᠨ ᠢ ᠬᠦᠯᠢᠶᠡᠨ ᠠᠪᠴᠤ ᠡᠮᠨᠡᠵᠦ ᠪᠠᠶᠢᠨ᠎ᠠ᠃ ᠮᠣᠩᠭᠤᠯ ᠡᠮ ᠡᠮᠨᠡᠯᠭᠡ ᠨᠢ ︽ᠨᠢᠭᠡ ᠪᠦᠰᠡ ᠨᠢᠭᠡ ᠵᠠᠮ︾ ᠤᠨ | ᠪᠠᠶᠢᠭᠤᠯᠤᠯᠲᠠ ᠳᠤ ᠶᠠᠪᠤᠬᠤ ᠲᠤᠲᠤᠮ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃ | ᠬᠥᠲᠥᠯᠥᠭᠴᠢ᠄ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠶᠠᠭᠤᠨ ᠳᠤ ︽ᠮᠣᠩᠭᠤᠯ ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢᠨ | ᠲᠥᠯᠥᠪᠯᠡᠭᠡ︾ ᠶᠢ ᠨᠡᠶᠢᠲᠡᠯᠡᠭᠰᠡᠨ ᠪᠣᠢ︖ ᠭᠤᠣᠯᠳᠠᠭᠤ ᠶᠠᠮᠠᠷ ᠶᠠᠮᠠᠷ ᠠᠭᠤᠯᠭ᠎ᠠ ᠶᠢ ᠪᠠᠭᠲᠠᠭᠠᠵᠤ ᠪᠠᠶᠢᠬᠤ ᠪᠣᠢ︖ | ᠹᠦ᠋ ᠷᠦᠢ ᠹᠧᠩ᠄ | ᠨᠢᠭᠡ ᠳᠤ᠂ ᠮᠣᠩᠭᠤᠯ ᠡᠮ ᠡᠮᠨᠡᠯᠭᠡ ᠨᠢ ︽ᠲᠡᠭᠷᠢ ᠶᠢᠨ ᠴᠠᠭ᠂ ᠭᠠᠵᠠᠷ ᠤᠨ ᠬᠡᠰᠢᠭ᠂ ᠬᠥᠮᠥᠨ ᠤ ᠨᠠᠶᠢᠷᠠᠮᠳᠠᠭᠤ︾ ᠶᠢᠨ ᠰᠠᠶᠢᠨ ᠰᠠᠶᠢᠬᠠᠨ ᠬᠥᠭᠵᠢᠯᠲᠡ ᠶᠢᠨ | ᠠᠵᠠ ᠲᠣᠬᠢᠶᠠᠯ ᠳᠤ ᠲᠠᠭᠠᠷᠠᠯᠳᠤᠪᠠ᠃ ᠮᠣᠩᠭᠤᠯ ᠡᠮ ᠡᠮᠨᠡᠯᠭᠡ ᠨᠢ ᠡᠬᠡ ᠤᠯᠤᠰ ᠤᠨ ᠤᠯᠠᠮᠵᠢᠯᠠᠯᠲᠤ ᠰᠣᠶᠣᠯ ᠤᠨ ᠦᠨᠡᠲᠦ ᠡᠷᠳᠡᠨᠢᠰ ᠪᠣᠯᠬᠤ ᠪᠠᠷ ᠪᠠᠷᠠᠬᠤ ᠦᠭᠡᠢ᠂ | ᠮᠠᠨ ᠤ ᠣᠷᠣᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠰ ᠤᠨ ᠴᠢᠬᠤᠯᠠ ᠪᠦᠷᠢᠯᠳᠦᠬᠦᠨ ᠬᠡᠰᠡᠭ ᠪᠠᠶᠢᠵᠤ᠂ ᠠᠷᠠᠳ ᠲᠦᠮᠡᠨ ᠤ ᠡᠷᠡᠭᠦᠯ ᠮᠡᠨᠳᠦ ᠪᠠ ᠰᠣᠶᠣᠯ ᠤᠨ | ᠤᠯᠠᠮᠵᠢᠯᠠᠯ ᠤᠨ ᠴᠢᠬᠤᠯᠠ ᠡᠯᠧᠮᠧᠨ᠋ᠲ ᠪᠣᠯᠣᠨ᠎ᠠ᠃ ᠣᠶᠢᠷ᠎ᠠ ᠶᠢᠨ ᠵᠢᠯ ᠤᠳ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠮᠣᠩᠭᠤᠯ ᠡᠮ ᠡᠮᠨᠡᠯᠭᠡ ᠶᠢᠨ | ᠬᠥᠭᠵᠢᠯᠲᠡ ᠨᠢ ᠮᠠᠰᠢ ᠶᠡᠭᠡ ᠳᠠᠪᠰᠢᠯᠲᠠ ᠲᠠᠢ ᠪᠠᠶᠢᠵᠤ᠂ ᠠᠷᠠᠳ ᠲᠦᠮᠡᠨ ᠤ ᠬᠦᠷᠲᠡᠭᠡᠮᠵᠢᠲᠦ ᠲᠥᠷᠥᠭᠳᠡᠯ ᠨᠢ ᠢᠯᠡᠳᠲᠡ ᠴᠢᠩᠭᠠᠷᠠᠨ᠂ ᠨᠡᠶᠢᠭᠡᠮ ᠤᠨ ᠦᠷ᠎ᠡ ᠠᠰᠢᠭ | ᠨᠢ ᠮᠠᠰᠢ ᠢᠯᠡᠷᠬᠡᠢ ᠪᠠᠶᠢᠨ᠎ᠠ᠃ ᠭᠡᠲᠡᠯ᠎ᠡ᠂ ᠰᠢᠨ᠎ᠡ ᠴᠠᠭ ᠬᠤᠭᠤᠴᠠᠭ᠎ᠠ᠂ ᠰᠢᠨ᠎ᠡ ᠡᠭᠦᠷᠭᠡ ᠵᠢᠴᠢ ᠠᠷᠠᠳ ᠲᠦᠮᠡᠨ ᠤ ᠰᠢᠨ᠎ᠡ ᠬᠡᠷᠡᠭᠴᠡᠭᠡ ᠱᠠᠭᠠᠷᠳᠠᠯᠭ᠎ᠠ᠂ ᠰᠢᠨ᠎ᠡ | ᠬᠦᠰᠡᠯ ᠡᠷᠡᠮᠡᠯᠵᠡᠯ ᠤᠨ ᠡᠮᠦᠨ᠎ᠡ᠂ ᠪᠦᠬᠦ ᠣᠷᠣᠨ ᠤ ᠮᠣᠩᠭᠤᠯ ᠡᠮ ᠡᠮᠨᠡᠯᠭᠡ ᠨᠢ ᠮᠥᠨ ᠬᠦ ᠰᠢᠨ᠎ᠡ ᠬᠠᠷᠠᠯᠲᠠ ᠪᠠ ᠰᠢᠨ᠎ᠡ ᠬᠥᠭᠵᠢᠯᠲᠡ ᠶᠢ ᠱᠠᠭᠠᠷᠳᠠᠵᠤ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠴᠤ ᠮᠣᠩᠭᠤᠯ ᠬᠢᠲᠠᠳ ᠡᠮ ᠡᠮᠨᠡᠯᠭᠡ ᠶᠢ ᠬᠦᠴᠦᠷᠬᠡᠭᠵᠢᠭᠦᠯᠦᠨ | ᠪᠤᠵᠠᠭᠠᠶᠢᠷᠠᠭᠤᠯᠬᠤ ᠲᠤᠬᠠᠢ ᠴᠢᠬᠤᠯᠠ ᠵᠢᠭᠠᠪᠤᠷᠢ ᠪᠠᠭᠤᠯᠭᠠᠨ᠂ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠨᠢ ᠴᠤ᠂ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠳᠤ ᠮᠣᠩᠭᠤᠯ ᠡᠮ ᠡᠮᠨᠡᠯᠭᠡ ᠶᠢ ᠤᠯᠠᠮ ᠨᠢᠭᠡ ᠠᠯᠬᠤᠮ ᠬᠦᠴᠦᠷᠬᠡᠭᠵᠢᠭᠦᠯᠦᠨ ᠮᠠᠨᠳᠤᠭᠤᠯᠬᠤ | ᠲᠤᠬᠠᠢ ᠬᠥᠭᠵᠢᠯᠲᠡ ᠶᠢᠨ ᠬᠠᠷᠠᠯᠲᠠ ᠶᠢ ᠳᠤᠷᠠᠳᠤᠨ ᠭᠠᠷᠭᠠᠵᠤ᠂ ᠠᠵᠢᠯ ᠤᠨ ᠪᠠᠶᠢᠷᠢᠯᠠᠭᠤᠯᠤᠯᠲᠠ ᠬᠢᠪᠡ᠃ ᠣᠨᠴᠠᠭᠠᠶᠢᠯᠠᠨ 2018 ᠣᠨ ᠤ 1 ᠳ᠋ᠦ᠋ᠭᠡᠷ ᠰᠠᠷ᠎ᠠ ᠳᠤ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠮᠣᠩᠭᠤᠯ ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢᠨ | ᠲᠥᠯᠥᠪᠯᠡᠭᠡ ︵2017 — 2025 ᠣᠨ︶︾ ᠶᠢ ᠳᠠᠷᠤᠮᠠᠯᠯᠠᠨ ᠲᠠᠷᠬᠠᠭᠠᠵᠤ᠂ ᠮᠣᠩᠭᠤᠯ ᠡᠮ ᠡᠮᠨᠡᠯᠭᠡ ᠶᠢ ᠬᠦᠴᠦᠷᠬᠡᠭᠵᠢᠭᠦᠯᠦᠨ ᠪᠤᠵᠠᠭᠠᠶᠢᠷᠠᠭᠤᠯᠬᠤ ᠬᠠᠷᠠᠯᠲᠠ ᠪᠠ | ᠭᠤᠣᠯᠳᠠᠯᠭ᠎ᠠ ᠲᠠᠢ ᠡᠭᠦᠷᠭᠡ ᠶᠢ ᠤᠯᠠᠮ ᠨᠢᠭᠡ ᠠᠯᠬᠤᠮ ᠲᠣᠳᠣᠷᠬᠠᠶᠢᠯᠠᠵᠠᠢ᠃ | ᠬᠤᠶᠠᠷ ᠲᠤ᠂ ᠮᠣᠩᠭᠤᠯ ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢᠨ ᠲᠥᠯᠥᠪᠯᠡᠭᠡ ᠶᠢᠨ ᠶᠡᠷᠦᠩᠬᠡᠢ ᠬᠠᠷᠠᠯᠲᠠ ᠪᠣᠯ᠄ | ᠦᠨᠳᠦᠰᠦᠲᠡᠨ ᠨᠦᠭᠦᠳ ᠤᠨ ᠠᠷᠠᠳ ᠲᠦᠮᠡᠨ ᠤ ᠮᠣᠩᠭᠤᠯ ᠡᠮ ᠡᠮᠨᠡᠯᠭᠡ ᠶᠢᠨ ᠦᠢᠯᠡᠴᠢᠯᠡᠭᠡ ᠳᠠᠬᠢ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠡᠭᠦᠰᠦᠯᠲᠡ ᠶᠢᠨ | ᠴᠡᠭ ᠪᠣᠯᠭᠠᠨ᠂ ᠥᠷᠭᠡᠨ ᠣᠯᠠᠨ ᠠᠷᠠᠳ ᠲᠦᠮᠡᠨ ᠤ ᠡᠷᠡᠭᠦᠯ ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠪᠠᠷ ᠵᠣᠭᠰᠣᠯᠲᠠ ᠶᠢᠨ ᠴᠡᠭ ᠪᠣᠯᠭᠠᠵᠤ᠂ ᠮᠣᠩᠭᠤᠯ ᠡᠮ | ᠡᠮᠨᠡᠯᠭᠡ ᠶᠢᠨ ᠣᠨᠴᠠᠯᠢᠭᠲᠤ ᠳᠠᠪᠠᠭᠤᠯᠢᠭ ᠢ ᠬᠠᠮᠠᠭᠠᠯᠠᠨ ᠪᠠᠳᠠᠷᠠᠭᠤᠯᠬᠤ ᠪᠠᠷ ᠤᠷᠢᠳᠠᠯ ᠪᠣᠯᠭᠠᠵᠤ᠂ ᠮᠣᠩᠭᠤᠯ ᠡᠮ ᠡᠮᠨᠡᠯᠭᠡ ᠶᠢ ᠵᠠᠯᠭᠠᠮᠵᠢᠯᠠᠬᠤ ᠪᠠ ᠰᠢᠨ᠎ᠡ ᠶᠢ | ᠡᠭᠦᠳᠬᠦ ᠪᠠᠷ ᠭᠠᠷᠳᠠᠯ ᠪᠣᠯᠭᠠᠨ᠂ ᠮᠣᠩᠭᠤᠯ ᠡᠮ ᠡᠮᠨᠡᠯᠭᠡ ᠶᠢᠨ ᠰᠢᠨ᠎ᠡ ᠬᠡᠯᠪᠡᠷᠢ ᠶᠢᠨ ᠠᠵᠤ ᠦᠢᠯᠡᠰ ᠢ ᠬᠥᠭᠵᠢᠭᠦᠯᠬᠦ ᠪᠠᠷ ᠬᠦᠴᠦᠯᠡᠬᠦ ᠴᠡᠭ ᠪᠣᠯᠭᠠᠵᠤ᠂ ᠮᠣᠩᠭᠤᠯ ᠡᠮ | ᠡᠮᠨᠡᠯᠭᠡ ᠶᠢᠨ ︽ᠲᠠᠪᠤᠨ ᠵᠦᠢᠯ ᠤᠨ ᠡᠬᠢ ᠪᠠᠶᠠᠯᠢᠭ︾ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠮᠣᠩᠭᠤᠯ ᠡᠮᠨᠡᠯᠭᠡ ᠪᠠ ᠮᠣᠩᠭᠤᠯ ᠡᠮ ᠢ ᠵᠣᠬᠢᠴᠠᠭᠤᠯᠤᠨ | ᠬᠥᠭᠵᠢᠭᠦᠯᠬᠦ ᠶᠢ ᠵᠣᠷᠢᠭᠵᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠳᠣᠯᠣᠭᠠᠨ ᠰᠦᠯᠵᠢᠶ᠎ᠡ ᠳᠣᠯᠣᠭᠠᠨ ᠦᠢᠯᠡᠰ︾ ᠤᠨ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠳᠤ ᠬᠦᠴᠦᠯᠡᠵᠦ᠂ ᠰᠢᠨ᠎ᠡ ᠶᠢ ᠡᠭᠦᠳᠬᠦ ᠬᠥᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠨ᠂ ᠮᠣᠩᠭᠤᠯ ᠡᠮ ᠡᠮᠨᠡᠯᠭᠡ ᠶᠢ ᠤᠯᠠᠮ ᠨᠢᠭᠡ ᠠᠯᠬᠤᠮ | ᠬᠦᠴᠦᠷᠬᠡᠭᠵᠢᠭᠦᠯᠦᠨ ᠪᠤᠵᠠᠭᠠᠶᠢᠷᠠᠭᠤᠯᠵᠤ᠂ ᠮᠣᠩᠭᠤᠯ ᠡᠮ ᠡᠮᠨᠡᠯᠭᠡ ᠶᠢᠨ ᠬᠥᠭᠵᠢᠯᠲᠡ ᠮᠠᠨᠳᠤᠯᠲᠠ ᠶᠢ ᠪᠡᠶᠡᠯᠡᠭᠦᠯᠦᠨ᠎ᠡ᠃ | ᠭᠤᠷᠪᠠ ᠳᠤ᠂ ᠮᠣᠩᠭᠤᠯ ᠡᠮ ᠡᠮᠨᠡᠯᠭᠡ ᠶᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢᠨ ᠲᠥᠯᠥᠪᠯᠡᠭᠡ ᠶᠢᠨ ᠭᠤᠣᠯᠳᠠᠯᠭ᠎ᠠ ᠲᠠᠢ ᠡᠭᠦᠷᠭᠡ ᠪᠣᠯ᠄ ︽10 | ᠶᠡᠭᠡ ᠠᠵᠢᠯᠯᠠᠭ᠎ᠠ᠂ 30 ᠵᠦᠢᠯ ᠤᠨ ᠢᠨᠵᠧᠨᠧᠷᠢᠩ︾ ᠤᠨ ᠲᠣᠭᠤᠷᠢᠨ ᠳᠤ᠂ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠬᠦ᠂ ᠦᠢᠯᠡᠴᠢᠯᠡᠭᠡ ᠶᠢᠨ ᠴᠢᠳᠠᠪᠤᠷᠢ ᠶᠢ | ᠳᠡᠭᠡᠭᠰᠢᠯᠡᠭᠦᠯᠬᠦ᠂ ᠡᠮᠴᠢᠯᠡᠭᠡᠨ ᠤ ᠳᠠᠪᠠᠭᠤᠯᠢᠭ ᠢ ᠬᠥᠮᠥᠵᠢᠭᠦᠯᠬᠦ᠂ ᠡᠷᠡᠭᠦᠯ ᠮᠡᠨᠳᠦ ᠶᠢᠨ ᠠᠵᠤ ᠦᠢᠯᠡᠰ ᠢ ᠬᠥᠭᠵᠢᠭᠦᠯᠬᠦ᠂ ᠰᠣᠶᠣᠯ ᠤᠨ ᠤᠯᠠᠮᠵᠢᠯᠠᠯ ᠢ ᠠᠬᠢᠭᠤᠯᠬᠤ᠂ | ᠴᠢᠳᠠᠪᠤᠷᠢᠲᠠᠨ ᠤ ᠡᠩᠨᠡᠭᠡ ᠶᠢ ᠪᠤᠵᠠᠭᠠᠶᠢᠷᠠᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠠᠬᠢᠭᠤᠯᠬᠤ᠂ ᠪᠠᠷᠢᠮᠵᠢᠶ᠎ᠠ ᠶᠢᠨ | ᠰᠢᠰᠲ᠋ᠧᠮᠵᠢ ᠶᠢ ᠲᠡᠭᠦᠯᠳᠡᠷᠵᠢᠭᠦᠯᠬᠦ᠂ ᠡᠮ ᠤᠨ ᠵᠦᠢᠯᠡᠰ ᠤᠨ ᠠᠵᠤ ᠦᠢᠯᠡᠰ ᠤᠨ ᠰᠢᠰᠲ᠋ᠧᠮᠵᠢ ᠶᠢ ᠰᠢᠯᠢᠳᠡᠭᠵᠢᠭᠦᠯᠬᠦ᠂ ᠭᠠᠳᠠᠭᠰᠢ ᠰᠣᠯᠢᠯᠴᠠᠭ᠎ᠠ ᠬᠢᠬᠦ ᠶᠢ ᠥᠷᠭᠡᠳᠬᠡᠬᠦ | 10 ᠲᠠᠯ᠎ᠠ ᠠᠴᠠ᠂ ᠮᠣᠩᠭᠤᠯ ᠬᠢᠲᠠᠳ ᠡᠮ ᠡᠮᠨᠡᠯᠭᠡ ᠤᠨ ᠡᠮᠴᠢᠯᠡᠭᠡ᠂ ᠰᠡᠷᠭᠡᠶᠢᠯᠡᠯᠲᠡ᠂ ᠡᠷᠡᠭᠦᠯ ᠮᠡᠨᠳᠦ᠂ ᠡᠷᠡᠭᠦᠯᠵᠢᠯ᠂ ᠰᠤᠷᠭᠠᠨ ᠬᠥᠮᠥᠵᠢᠯ᠂ ᠰᠢᠨᠵᠢᠯᠡᠬᠦ | ᠤᠬᠠᠭᠠᠨ ᠤ ᠰᠤᠳᠤᠯᠭᠠᠨ᠂ ᠰᠣᠶᠣᠯ᠂ ᠨᠠᠰᠤᠵᠢᠯ᠂ ᠵᠢᠭᠤᠯᠴᠢᠯᠠᠯ ᠵᠢᠴᠢ ᠠᠵᠤ ᠦᠢᠯᠡᠰ ᠤᠨ ᠰᠢᠰᠲ᠋ᠧᠮᠵᠢ ᠶᠢ ᠤᠯᠠᠮ ᠨᠢᠭᠡ ᠠᠯᠬᠤᠮ ᠬᠥᠭᠵᠢᠭᠦᠯᠦᠨ | ᠪᠤᠵᠠᠭᠠᠶᠢᠷᠠᠭᠤᠯᠵᠤ᠂ ᠮᠣᠩᠭᠤᠯ ᠬᠢᠲᠠᠳ ᠡᠮ ᠡᠮᠨᠡᠯᠭᠡ ᠶᠢᠨ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ᠂ ᠠᠵᠤ ᠦᠢᠯᠡᠰᠵᠢᠭᠦᠯᠦᠯᠲᠡ᠂ ᠣᠯᠠᠨ | ᠤᠯᠤᠰᠵᠢᠭᠤᠯᠤᠯᠲᠠ ᠶᠢᠨ ᠬᠥᠭᠵᠢᠯᠲᠡ ᠶᠢ ᠠᠬᠢᠭᠤᠯᠤᠨ᠎ᠠ᠃ | ᠬᠥᠲᠥᠯᠥᠭᠴᠢ᠄ | ᠥᠪᠡᠷᠲᠡᠭᠡᠨ ᠵᠠᠰᠠᠬᠤ ᠣᠷᠣᠨ ᠠᠴᠠ ᠡᠷᠡᠭᠦᠯ ᠮᠡᠨᠳᠦ ᠶᠢᠨ ᠲᠣᠮᠣ ᠳ᠋ᠠᠶᠢᠲ᠋ᠠ ᠶᠢᠨ ᠲᠥᠪ ᠤᠨ ᠪᠠᠶᠢᠭᠤᠯᠤᠯᠲᠠ ᠶᠢᠨ ᠲᠥᠷᠥᠯ ᠵᠦᠢᠯ ᠢ ᠠᠰᠢᠭᠯᠠᠨ᠂ ᠮᠣᠩᠭᠤᠯ | ᠡᠮ ᠡᠮᠨᠡᠯᠭᠡ ᠶᠢᠨ ᠮᠡᠳᠡᠭᠡ ᠵᠠᠩᠭᠢᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠮᠣᠩᠭᠤᠯ ᠡᠮ ᠡᠮᠨᠡᠯᠭᠡ ᠶᠢᠨ ᠮᠡᠳᠡᠭᠡ ᠵᠠᠩᠭᠢ ᠶᠢᠨ ᠲᠠᠪᠴᠠᠩ ᠵᠢᠴᠢ ᠠᠯᠤᠰ | ᠵᠠᠢ ᠶᠢᠨ ᠡᠮᠴᠢᠯᠡᠭᠡᠨ ᠤ ᠦᠢᠯᠡᠴᠢᠯᠡᠭᠡ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ ᠴᠢᠳᠠᠨ᠎ᠠ ᠦᠦ︖ | ᠹᠦ᠋ ᠷᠦᠢ ᠹᠧᠩ᠄ | ᠨᠢᠭᠡ ᠳᠤ᠂ ᠥᠪᠡᠷᠲᠡᠭᠡᠨ ᠵᠠᠰᠠᠬᠤ ᠣᠷᠣᠨ ᠠᠴᠠ ᠮᠣᠩᠭᠤᠯ ᠡᠮ ᠡᠮᠨᠡᠯᠭᠡ ᠶᠢ ᠪᠠᠭᠲᠠᠭᠠᠭᠰᠠᠨ ᠠᠯᠤᠰ ᠵᠠᠢ ᠶᠢᠨ ᠡᠮᠴᠢᠯᠡᠭᠡᠨ ᠤ ᠦᠢᠯᠡᠴᠢᠯᠡᠭᠡ ᠶᠢᠨ | ᠰᠢᠰᠲ᠋ᠧᠮᠵᠢ ᠶᠢ ᠶᠠᠭ ᠰᠠᠶᠢᠬᠠᠨ ᠪᠠᠶᠢᠭᠤᠯᠵᠤ ᠪᠠᠶᠢᠨ᠎ᠠ᠃ | ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ︽ᠮᠡᠳᠡᠭᠡ ᠵᠠᠩᠭᠢᠵᠢᠯᠲᠠ ᠶᠢᠨ ᠠᠷᠭ᠎ᠠ ᠠᠪᠴᠢᠯ ᠢ ᠭᠦᠢᠴᠡᠳ ᠠᠰᠢᠭᠯᠠᠨ᠂ | ᠰᠢᠯᠢᠳᠡᠭ ᠴᠢᠨᠠᠷᠲᠠᠢ ᠡᠮᠴᠢᠯᠡᠭᠡ ᠶᠢᠨ ᠡᠬᠢ ᠪᠠᠶᠠᠯᠢᠭ ᠤᠨ ᠭᠤᠯᠳᠤ ᠴᠢᠭᠯᠡᠯ ᠤᠨ ᠰᠢᠯᠵᠢᠯᠲᠡ ᠶᠢ ᠠᠬᠢᠭᠤᠯᠬᠤ︾ ᠲᠤᠬᠠᠢ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠬᠤ᠂ ᠵᠢᠴᠢ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ᠮᠡᠳᠡᠭᠡ ᠵᠠᠩᠭᠢ ᠶᠢᠨ ᠠᠷᠠᠳ ᠲᠤ ᠠᠰᠢᠭ | ᠬᠦᠷᠲᠡᠭᠡᠬᠦ ᠢᠨᠵᠧᠨᠧᠷᠢᠩ ᠤᠨ ᠬᠠᠮᠢᠶ᠎ᠠ ᠪᠦᠬᠦᠢ ᠠᠵᠢᠯ ᠤᠨ ᠪᠠᠶᠢᠷᠢᠯᠠᠭᠤᠯᠤᠯᠲᠠ ᠶᠢ ᠲᠦᠷᠭᠡᠳᠬᠡᠨ ᠬᠡᠷᠡᠭᠵᠢᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠮᠡᠨᠳᠦ ᠡᠮᠴᠢᠯᠡᠭᠡ ᠶᠢᠨ ᠲᠣᠮᠣ ᠳ᠋ᠠᠶᠢᠲ᠋ᠠ ᠶᠢ ᠬᠡᠷᠡᠭᠯᠡᠬᠦ | ᠲᠥᠯᠥᠪᠵᠢᠭᠦᠯᠭᠡ ︵2016 — 2020 ᠣᠨ︶︾ ᠶᠢ ᠲᠣᠭᠲᠠᠭᠠᠭᠰᠠᠨ ᠤ ᠬᠠᠮᠲᠤ᠂ 1.1 ᠳ᠋ᠦᠩᠰᠢᠭᠤᠷ ᠲᠥᠭᠦᠷᠢᠭ ᠵᠠᠷᠤᠴᠠᠭᠤᠯᠵᠤ᠂ ᠲᠥᠪ ᠤᠨ ᠡᠳ᠋ ᠤᠨ | ᠵᠠᠰᠠᠭ ᠤᠨ ᠲᠥᠰᠥᠪ ᠠᠴᠠ ᠣᠷᠣᠭᠤᠯᠤᠭᠰᠠᠨ 3300 ᠲᠦᠮᠡᠨ ᠲᠥᠭᠦᠷᠢᠭ ᠤᠨ ᠪᠡᠯᠡ ᠮᠥᠩᠭᠦ ᠨᠡᠮᠡᠵᠦ᠂ ᠮᠠᠨ ᠤ ᠣᠷᠣᠨ ᠤ ᠠᠯᠤᠰ ᠵᠠᠢ ᠶᠢᠨ ᠡᠮᠴᠢᠯᠡᠭᠡ ᠶᠢᠨ | ᠦᠢᠯᠡᠴᠢᠯᠡᠭᠡ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠪᠠ᠃ ᠭᠤᠣᠯ ᠡᠭᠦᠷᠭᠡ ᠨᠢ ᠥᠪᠡᠷᠲᠡᠭᠡᠨ ᠵᠠᠰᠠᠬᠤ ᠣᠷᠣᠨ — ᠠᠶᠢᠮᠠᠭ | ᠬᠤᠲᠠ — ᠬᠤᠰᠢᠭᠤ ᠰᠢᠶᠠᠨ — ᠰᠤᠮᠤ ᠰᠢᠶᠠᠩ ᠪᠠᠯᠭᠠᠰᠤ ᠶᠢ ᠬᠠᠮᠤᠷᠤᠭᠰᠠᠨ᠂ ᠮᠣᠩᠭᠤᠯ ᠡᠮᠨᠡᠯᠭᠡ᠂ ᠬᠢᠲᠠᠳ ᠡᠮᠨᠡᠯᠭᠡ᠂ ᠡᠸᠦ᠋ᠷᠦᠫᠡ ᠡᠮᠨᠡᠯᠭᠡ ᠶᠢᠨ ᠡᠮᠴᠢᠯᠡᠭᠡ ᠶᠢᠨ | ᠪᠠᠶᠢᠭᠤᠯᠤᠮᠵᠢ ᠪᠠ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠪᠠᠭᠲᠠᠭᠠᠭᠰᠠᠨ ᠠᠯᠤᠰ ᠵᠠᠢ ᠶᠢᠨ ᠡᠮᠴᠢᠯᠡᠭᠡᠨ ᠤ ᠦᠢᠯᠡᠴᠢᠯᠡᠭᠡ ᠶᠢᠨ | ᠲᠣᠣᠷ ᠰᠦᠯᠵᠢᠶ᠎ᠡ ᠶᠢ ᠪᠠᠶᠢᠭᠤᠯᠤᠨ᠂ ᠮᠣᠩᠭᠤᠯ᠂ ᠬᠢᠲᠠᠳ᠂ ᠡᠸᠦ᠋ᠷᠦᠫᠡ ᠡᠮᠨᠡᠯᠭᠡ ᠶᠢᠨ ᠡᠮᠴᠢᠯᠡᠭᠡᠨ ᠤ ᠡᠬᠢ ᠪᠠᠶᠠᠯᠢᠭ ᠤᠨ ᠭᠤᠯᠳᠤ ᠴᠢᠭᠯᠡᠯ ᠤᠨ ᠰᠢᠯᠵᠢᠯᠲᠡ ᠶᠢ | ᠠᠬᠢᠭᠤᠯᠵᠤ᠂ ᠦᠨᠳᠦᠰᠦᠨ ᠱᠠᠲᠤ ᠵᠢᠴᠢ ᠬᠢᠯᠢ ᠬᠢᠵᠠᠭᠠᠷ ᠠᠯᠤᠰ ᠪᠤᠶᠢᠳᠠ ᠶᠠᠳᠠᠭᠤ ᠬᠦᠴᠢᠷᠲᠡᠢ ᠭᠠᠵᠠᠷ ᠣᠷᠣᠨ ᠤ ᠡᠮᠴᠢᠯᠡᠭᠡᠨ ᠤ ᠦᠢᠯᠡᠴᠢᠯᠡᠭᠡ ᠶᠢᠨ ᠴᠢᠳᠠᠪᠤᠷᠢ ᠶᠢ | ᠳᠡᠭᠡᠭᠰᠢᠯᠡᠭᠦᠯᠦᠨ᠂ ᠰᠢᠯᠢᠳᠡᠭ ᠴᠢᠨᠠᠷᠲᠤ ᠡᠮᠴᠢᠯᠡᠭᠡᠨ ᠤ ᠡᠬᠢ ᠪᠠᠶᠠᠯᠢᠭ ᠤᠨ ᠳᠠᠭᠠᠭᠠᠨ ᠬᠦᠴᠦᠷᠡᠬᠦ ᠴᠢᠨᠠᠷ ᠪᠠ ᠡᠮᠴᠢᠯᠡᠭᠡᠨ ᠤ ᠦᠢᠯᠡᠴᠢᠯᠡᠭᠡ ᠶᠢᠨ ᠪᠦᠬᠦᠯᠢ | ᠴᠣᠭᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠳᠡᠰ ᠬᠤᠪᠢᠶᠠᠨ ᠡᠮᠨᠡᠨ ᠵᠠᠰᠠᠬᠤ ᠶᠢ ᠬᠡᠷᠡᠭᠵᠢᠭᠦᠯᠬᠦ ᠶᠢ ᠠᠬᠢᠭᠤᠯᠪᠠ᠃ ᠡᠭᠦᠨ ᠤ ᠬᠠᠮᠲᠤ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠤᠰ ᠵᠠᠢ ᠶᠢᠨ ᠡᠮᠴᠢᠯᠡᠭᠡᠨ ᠤ ᠦᠢᠯᠡᠴᠢᠯᠡᠭᠡ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠰᠥᠯ︾ ᠢ ᠲᠣᠭᠲᠠᠭᠠᠨ | ᠂ ᠪᠦᠬᠦ ᠣᠷᠣᠨ ᠳᠤ ᠨᠢᠭᠡᠳᠦᠯᠲᠡᠢ ᠪᠠᠷᠢᠮᠵᠢᠶ᠎ᠠ ᠪᠠᠷ ᠠᠯᠤᠰ ᠵᠠᠢ ᠶᠢᠨ ᠡᠮᠴᠢᠯᠡᠭᠡᠨ ᠤ ᠦᠢᠯᠡᠴᠢᠯᠡᠭᠡ ᠶᠢᠨ ᠰᠢᠰᠲ᠋ᠧᠮᠵᠢ ᠶᠢ ᠪᠠᠶᠢᠭᠤᠯᠵᠤ᠂ ᠥᠪᠡᠷᠲᠡᠭᠡᠨ ᠵᠠᠰᠠᠬᠤ | ᠣᠷᠣᠨ ᠠᠴᠠ ᠪᠠᠷᠢᠮᠵᠢᠶ᠎ᠠ ᠪᠠ ᠵᠢᠷᠤᠮᠵᠢᠯ ᠢ ᠲᠣᠭᠲᠠᠭᠠᠬᠤ᠂ ᠲᠣᠨᠣᠭᠯᠠᠯ ᠢ ᠤᠭᠰᠠᠷᠠᠬᠤ ᠶᠢ ᠬᠠᠷᠢᠭᠤᠴᠠᠨ᠂ ᠠᠶᠢᠮᠠᠭ ᠬᠤᠲᠠ ᠠᠴᠠ ᠲᠣᠣᠷ ᠰᠦᠯᠵᠢᠶ᠎ᠡ ᠪᠠ | ᠲᠣᠭᠠᠵᠢᠭᠤᠯᠤᠭᠰᠠᠨ ᠡᠮᠴᠢᠯᠡᠭᠡ ᠶᠢᠨ ᠲᠥᠬᠦᠭᠡᠷᠦᠮᠵᠢ ᠶᠢ ᠬᠤᠳᠠᠯᠳᠤᠨ ᠠᠪᠬᠤ ᠶᠢ ᠬᠠᠷᠢᠭᠤᠴᠠᠪᠠ᠃ ᠮᠣᠩᠭᠤᠯ ᠡᠮᠨᠡᠯᠭᠡ ᠶᠢᠨ ᠬᠤᠷᠢᠶ᠎ᠠ ᠪᠠ ᠪᠤᠰᠤᠳ ᠡᠮᠨᠡᠯᠭᠡ ᠶᠢᠨ | ᠬᠤᠷᠢᠶ᠎ᠠ ᠳᠤ ᠵᠡᠷᠭᠡ ᠳᠤ ᠨᠢ ᠬᠡᠷᠡᠭᠵᠢᠭᠦᠯᠵᠦ᠂ ᠲᠣᠬᠢᠷᠠᠭᠤᠯᠤᠯᠲᠠ ᠨᠢ ᠠᠳᠠᠯᠢ ᠪᠠᠶᠢᠳᠠᠭ᠃ 2017 ᠣᠨ ᠤ 9 ᠳ᠋ᠦ᠋ᠭᠡᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ | ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ ᠠᠴᠠ ᠨᠢᠭᠡᠨᠲᠡ ᠡᠷᠡᠭᠦᠯ ᠮᠡᠨᠳᠦ ᠡᠮᠴᠢᠯᠡᠭᠡ ᠶᠢᠨ ᠲᠣᠮᠣ ᠳ᠋ᠠᠶᠢᠲ᠋ᠠ ᠶᠢᠨ ᠲᠥᠷᠥᠯ ᠵᠦᠢᠯ ᠢ ᠠᠵᠢᠯᠯᠠᠭᠤᠯᠬᠤ | ᠬᠤᠷᠠᠯ ᠢ ᠬᠤᠷᠠᠯᠳᠤᠭᠤᠯᠵᠤ᠂ ᠠᠯᠤᠰ ᠵᠠᠢ ᠶᠢᠨ ᠡᠮᠴᠢᠯᠡᠭᠡᠨ ᠤ ᠦᠢᠯᠡᠴᠢᠯᠡᠭᠡ ᠶᠢᠨ ᠰᠢᠰᠲ᠋ᠧᠮᠵᠢ᠂ ᠣᠷᠣᠨ ᠪᠦᠰᠡ ᠶᠢᠨ ᠬᠥᠮᠥᠨ ᠠᠮᠠ ᠶᠢᠨ ᠡᠷᠡᠭᠦᠯ ᠮᠡᠨᠳᠦ ᠶᠢᠨ | ᠮᠡᠳᠡᠭᠡ ᠵᠠᠩᠭᠢ ᠶᠢᠨ ᠲᠠᠪᠴᠠᠩ ᠢ ᠬᠡᠷᠡᠭᠵᠢᠭᠦᠯᠬᠦ ᠠᠵᠢᠯ ᠢ ᠪᠠᠶᠢᠷᠢᠯᠠᠭᠤᠯᠵᠠᠢ᠃ | ᠬᠤᠶᠠᠷ ᠲᠤ᠂ ᠥᠪᠡᠷᠲᠡᠭᠡᠨ ᠵᠠᠰᠠᠬᠤ ᠣᠷᠣᠨ ᠠᠴᠠ ᠮᠣᠩᠭᠤᠯ ᠬᠢᠲᠠᠳ ᠡᠮ ᠡᠮᠨᠡᠯᠭᠡ ᠤᠨ ᠳ᠋ᠠᠶᠢᠲ᠋ᠠ ᠶᠢᠨ ᠲᠥᠪ ᠢ ᠶᠠᠭ ᠰᠠᠶᠢᠬᠠᠨ ᠪᠠᠶᠢᠭᠤᠯᠵᠤ᠂ ᠮᠣᠩᠭᠤᠯ | ᠡᠮ ᠡᠮᠨᠡᠯᠭᠡ ᠶᠢᠨ ᠠᠯᠤᠰ ᠵᠠᠢ ᠶᠢᠨ ᠡᠮᠴᠢᠯᠡᠭᠡᠨ ᠤ ᠲᠥᠪ ᠢ ᠨᠢᠭᠡᠨᠲᠡ ᠪᠠᠶᠢᠭᠤᠯᠪᠠ᠃ | ᠥᠪᠡᠷᠲᠡᠭᠡᠨ ᠵᠠᠰᠠᠬᠤ ᠣᠷᠣᠨ ᠤ ᠬᠢᠨ ᠤᠯᠤᠰ ᠠᠴᠠ ᠳᠡᠮᠵᠢᠭᠰᠡᠨ 2000 ᠲᠦᠮᠡᠨ ᠲᠥᠭᠦᠷᠢᠭ ᠢ ᠠᠰᠢᠭᠯᠠᠨ᠂ ᠥᠪᠥᠷ ᠮᠣᠩᠭᠤᠯ ᠤᠨ ᠣᠯᠠᠨ ᠤᠯᠤᠰ ᠤᠨ | ᠮᠣᠩᠭᠤᠯ ᠡᠮᠨᠡᠯᠭᠡ ᠶᠢᠨ ᠬᠤᠷᠢᠶ᠎ᠠ ᠳᠤ ᠲᠦᠰᠢᠭᠯᠡᠨ ᠮᠣᠩᠭᠤᠯ ᠬᠢᠲᠠᠳ ᠡᠮ ᠡᠮᠨᠡᠯᠭᠡ ᠶᠢᠨ ᠮᠡᠳᠡᠯᠭᠡ ᠶᠢᠨ ᠬᠥᠮᠥᠷᠭᠡ᠂ ᠥᠪᠡᠷᠮᠢᠴᠡ ᠣᠨᠴᠠᠯᠢᠭᠲᠤ ᠡᠯᠧᠺᠲᠷᠣᠨ | ᠡᠪᠡᠳᠴᠢᠨ ᠤ ᠲᠡᠦᠬᠡ᠂ ᠬᠤᠪᠢᠰᠤᠩᠭᠤᠢ ᠣᠨᠣᠯ ᠢᠶᠠᠷ ᠵᠠᠰᠠᠬᠤ᠂ ᠡᠪᠡᠳᠴᠢᠯᠡᠬᠦ ᠠᠴᠠ ᠤᠷᠢᠳ ᠰᠡᠷᠭᠡᠶᠢᠯᠡᠨ ᠵᠠᠰᠠᠬᠤ᠂ ᠠᠯᠤᠰ ᠵᠠᠢ ᠠᠴᠠ ᠬᠠᠮᠲᠤᠷᠠᠨ ᠣᠨᠣᠰᠢᠯᠠᠬᠤ᠂ | ᠠᠯᠤᠰ ᠵᠠᠢ ᠶᠢᠨ ᠰᠤᠷᠭᠠᠨ ᠬᠥᠮᠥᠵᠢᠯ ᠵᠡᠷᠭᠡ ᠦᠢᠯᠡᠳᠦᠯ ᠴᠢᠳᠠᠮᠵᠢ ᠶᠢ ᠪᠠᠭᠲᠠᠭᠠᠭᠰᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠬᠢᠲᠠᠳ | ᠡᠮ ᠡᠮᠨᠡᠯᠭᠡ ᠶᠢᠨ ᠳ᠋ᠠᠶᠢᠲ᠋ᠠ ᠶᠢᠨ ᠲᠥᠪ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠮᠣᠩᠭᠤᠯ ᠬᠢᠲᠠᠳ ᠡᠮᠨᠡᠯᠭᠡ ᠶᠢᠨ ᠣᠷᠳᠣᠨ ᠤ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ᠂ ᠮᠡᠳᠡᠭᠡ ᠵᠠᠩᠭᠢᠵᠢᠯᠲᠠ ᠶᠢᠨ ᠠᠷᠭ᠎ᠠ ᠠᠪᠴᠢᠯ ᠢᠶᠠᠷ | ᠳᠠᠮᠵᠢᠭᠤᠯᠤᠨ ᠦᠨᠳᠦᠰᠦᠨ ᠱᠠᠲᠤᠨ ᠤ ᠮᠣᠩᠭᠤᠯ ᠬᠢᠲᠠᠳ ᠡᠮ ᠡᠮᠨᠡᠯᠭᠡ ᠶᠢᠨ ᠦᠢᠯᠡᠴᠢᠯᠡᠭᠡ ᠶᠢ ᠳᠡᠭᠡᠭᠰᠢᠯᠡᠭᠦᠯᠬᠦ ᠳᠤ ᠳᠡᠮᠵᠢᠯᠭᠡ ᠣᠯᠭᠤᠪᠠ᠃ ᠣᠳᠣᠬᠠᠨ ᠳᠤ᠂ ᠲᠥᠪ | ᠮᠠᠰᠢᠨ ᠤ ᠲᠠᠰᠤᠭ ᠢ ᠨᠢᠭᠡᠨᠲᠡ ᠪᠠᠶᠢᠭᠤᠯᠤᠨ ᠳᠠᠭᠤᠰᠬᠠᠵᠤ᠂ ᠬᠠᠲᠠᠭᠤ ᠲᠣᠨᠣᠭᠯᠠᠯ᠂ ᠵᠥᠭᠡᠯᠡᠨ ᠲᠣᠨᠣᠭᠯᠠᠯ ᠤᠨ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ | ᠠᠵᠢᠯ ᠢ ᠨᠢᠭᠡᠨᠲᠡ ᠪᠡᠶᠡᠯᠡᠭᠦᠯᠦᠨ᠂ ᠰᠢᠰᠲ᠋ᠧᠮ ᠢ ᠡᠬᠢᠯᠡᠨ ᠲᠣᠬᠢᠷᠠᠭᠤᠯᠤᠨ ᠲᠤᠷᠰᠢᠵᠤ ᠪᠠᠶᠢᠨ᠎ᠠ᠃ ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ | ᠬᠤᠷᠢᠶ᠎ᠠ ᠠᠴᠠ 1000 ᠭᠠᠷᠤᠢ ᠲᠦᠮᠡᠨ ᠲᠥᠭᠦᠷᠢᠭ ᠵᠠᠷᠤᠴᠠᠭᠤᠯᠤᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠡᠮ ᠡᠮᠨᠡᠯᠭᠡ ᠶᠢᠨ ᠠᠯᠤᠰ | ᠵᠠᠢ ᠶᠢᠨ ᠠᠨᠠᠭᠠᠬᠤ ᠤᠬᠠᠭᠠᠨ ᠤ ᠲᠥᠪ ᠢ ᠪᠠᠶᠢᠭᠤᠯᠤᠨ᠂ ᠭᠠᠳᠠᠭᠠᠳᠤ ᠳᠤ ᠪᠠᠨ ᠮᠣᠩᠭᠤᠯ ᠤᠯᠤᠰ᠂ ᠠᠮᠧᠷᠢᠺᠠ᠂ ᠶᠠᠫᠤᠨ ᠵᠡᠷᠭᠡ ᠬᠠᠮᠵᠢᠯᠴᠠᠨ ᠠᠵᠢᠯᠯᠠᠬᠤ ᠡᠮᠨᠡᠯᠭᠡ ᠶᠢᠨ | ᠬᠤᠷᠢᠶ᠎ᠠ ᠲᠠᠢ ᠬᠤᠯᠪᠣᠯᠳᠤᠭᠤᠯᠤᠨ ᠨᠡᠪᠲᠡᠷᠡᠭᠦᠯᠵᠦ᠂ ᠳᠣᠲᠣᠭᠠᠳᠤ ᠳᠤ ᠪᠠᠨ ᠨᠠᠢᠮᠠᠨ ᠮᠤᠵᠢ ᠣᠷᠣᠨ ᠤ ᠮᠣᠩᠭᠤᠯ ᠡᠮᠨᠡᠯᠭᠡ ᠶᠢᠨ ᠬᠤᠷᠢᠶ᠎ᠠ ᠲᠠᠢ ᠬᠤᠯᠪᠣᠯᠳᠤᠭᠤᠯᠤᠨ | ᠨᠡᠪᠲᠡᠷᠡᠭᠦᠯᠵᠦ᠂ ᠳᠡᠭᠡᠳᠦ ᠱᠠᠲᠤᠨ ᠲᠡᠶᠢᠰᠢ ᠳᠤᠮᠳᠠᠳᠤ ᠶᠠᠫᠤᠨ ᠤ ᠨᠥᠬᠦᠷᠰᠡᠭ ᠡᠮᠨᠡᠯᠭᠡ ᠶᠢᠨ ᠬᠤᠷᠢᠶ᠎ᠠ ᠵᠡᠷᠭᠡ ᠤᠯᠤᠰ ᠤᠨ ᠳᠣᠲᠣᠭᠠᠳᠤ ᠶᠢᠨ ᠥᠵᠦ ᠳᠡᠰ ᠤᠨ | ᠡᠮᠨᠡᠯᠭᠡ ᠶᠢᠨ ᠬᠤᠷᠢᠶ᠎ᠠ ᠲᠠᠢ ᠬᠤᠯᠪᠣᠯᠳᠤᠭᠤᠯᠤᠨ ᠨᠡᠪᠲᠡᠷᠡᠭᠦᠯᠵᠦ᠂ ᠳᠣᠣᠷᠠᠳᠤ ᠱᠠᠲᠤᠨ ᠲᠡᠶᠢᠰᠢ ᠡᠯ᠎ᠡ ᠠᠶᠢᠮᠠᠭ ᠬᠤᠲᠠ᠂ ᠬᠤᠰᠢᠭᠤ ᠰᠢᠶᠠᠨ ᠤ ᠮᠣᠩᠭᠤᠯ ᠬᠢᠲᠠᠳ | ᠡᠮᠨᠡᠯᠭᠡ ᠶᠢᠨ ᠬᠤᠷᠢᠶ᠎ᠠ ᠶᠢ ᠬᠠᠮᠤᠷᠤᠭᠤᠯᠤᠨ᠂ ᠪᠠᠷᠢᠮᠵᠢᠶ᠎ᠠ ᠨᠢ ᠨᠢᠭᠡᠳᠦᠯᠲᠡᠢ᠂ ᠬᠠᠷᠢᠯᠴᠠᠨ ᠬᠤᠯᠪᠣᠯᠳᠤᠨ ᠨᠡᠪᠲᠡᠷᠡᠯᠴᠡᠭᠰᠡᠨ᠂ ᠡᠬᠢ ᠪᠠᠶᠠᠯᠢᠭ ᠢᠶᠠᠨ ᠬᠠᠮᠲᠤ ᠳᠤ ᠪᠠᠨ | ᠬᠦᠷᠲᠡᠭᠰᠡᠨ ᠥᠪᠥᠷ ᠮᠣᠩᠭᠤᠯ ᠤᠨ ᠮᠣᠩᠭᠤᠯ ᠡᠮ ᠡᠮᠨᠡᠯᠭᠡ ᠶᠢᠨ ᠠᠯᠤᠰ ᠵᠠᠢ ᠶᠢᠨ ᠠᠨᠠᠭᠠᠬᠤ ᠤᠬᠠᠭᠠᠨ ᠤ ᠬᠠᠮᠵᠢᠯᠴᠠᠨ ᠠᠵᠢᠯᠯᠠᠬᠤ ᠲᠣᠣᠷ ᠢ ᠠᠯᠬᠤᠮ ᠠᠯᠬᠤᠮ ᠢᠶᠠᠷ | ᠪᠠᠶᠢᠭᠤᠯᠵᠤ᠂ ᠠᠯᠤᠰ ᠵᠠᠢ ᠠᠴᠠ ᠬᠠᠮᠲᠤᠷᠠᠨ ᠣᠨᠣᠰᠢᠯᠠᠬᠤ᠂ ᠠᠯᠤᠰ ᠵᠠᠢ ᠠᠴᠠ ᠵᠢᠭᠠᠨ ᠰᠤᠷᠭᠠᠬᠤ᠂ ᠠᠯᠤᠰ ᠵᠠᠢ ᠠᠴᠠ ᠰᠡᠭᠦᠳᠡᠷᠯᠡᠬᠦ᠂ ᠠᠯᠤᠰ ᠵᠠᠢ ᠠᠴᠠ | ᠡᠪᠡᠳᠴᠢᠨ ᠤ ᠣᠨᠣᠯ ᠤᠨ ᠣᠨᠣᠰᠢᠯᠠᠯᠲᠠ ᠬᠢᠬᠦ᠂ ᠠᠯᠤᠰ ᠵᠠᠢ ᠠᠴᠠ ᠮᠡᠰᠡ ᠵᠠᠰᠠᠯ ᠬᠢᠬᠦ ᠶᠢ ᠵᠢᠱᠢᠶ᠎ᠡ ᠦᠵᠡᠭᠦᠯᠦᠨ ᠵᠢᠭᠠᠬᠤ᠂ ᠠᠯᠤᠰ ᠵᠠᠢ ᠠᠴᠠ ᠳ᠋ᠠᠶᠢᠲ᠋ᠠ ᠶᠢᠨ ᠡᠬᠢ | ᠪᠠᠶᠠᠯᠢᠭ ᠢ ᠬᠠᠮᠲᠤ ᠳᠤ ᠪᠠᠨ ᠬᠦᠷᠲᠡᠬᠦ᠂ ᠠᠯᠤᠰ ᠵᠠᠢ ᠠᠴᠠ ᠲᠧᠯᠸᠢᠰ ᠬᠤᠷᠠᠯ ᠬᠤᠷᠠᠯᠳᠤᠭᠤᠯᠬᠤ ᠵᠡᠷᠭᠡ ᠦᠢᠯᠡᠳᠦᠯ ᠴᠢᠳᠠᠮᠵᠢ ᠶᠢ ᠪᠦᠷᠢᠯᠳᠦᠭᠦᠯᠪᠡ᠃ | ᠭᠤᠷᠪᠠ ᠳᠤ᠂ ᠮᠣᠩᠭᠤᠯ ᠡᠮᠨᠡᠯᠭᠡ ᠶᠢᠨ ᠬᠤᠷᠢᠶ᠎ᠠ ᠠᠴᠠ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢᠨ ᠰᠢᠰᠲ᠋ᠧᠮ ᠢ ᠠᠩᠬ᠎ᠠ ᠠᠯᠬᠤᠮ ᠡᠬᠢᠯᠡᠨ ᠪᠠᠶᠢᠭᠤᠯᠪᠠ᠃ | | ᠡᠯ᠎ᠡ ᠱᠠᠲᠤᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠠᠴᠠ ᠮᠡᠳᠡᠭᠡ ᠵᠠᠩᠭᠢᠵᠢᠯᠲᠡ ᠶᠢᠨ ᠪᠠᠶᠢᠭᠤᠯᠤᠯᠲᠠ ᠪᠠᠨ ᠠᠯᠬᠤᠮ ᠠᠯᠬᠤᠮ ᠢᠶᠠᠷ ᠴᠢᠩᠭᠠᠳᠬᠠᠪᠠ᠃ | 2012 ᠣᠨ ᠳᠤ᠂ ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠠᠴᠠ ᠮᠣᠩᠭᠤᠯ ᠡᠮᠨᠡᠯᠭᠡ ᠶᠢᠨ ᠬᠤᠷᠢᠶ᠎ᠠ ᠶᠢᠨ ᠮᠡᠳᠡᠭᠡ ᠵᠠᠩᠭᠢ ᠶᠢᠨ | ᠬᠠᠮᠢᠶᠠᠷᠤᠯᠲᠠ ᠶᠢᠨ ᠰᠢᠰᠲ᠋ᠧᠮ ᠢ ᠰᠤᠳᠤᠯᠤᠨ ᠨᠡᠭᠡᠭᠡᠵᠦ ᠬᠥᠭᠵᠢᠭᠦᠯᠦᠨ᠂ ᠮᠣᠩᠭᠤᠯ ᠡᠮᠨᠡᠯᠭᠡ᠂ ᠬᠢᠲᠠᠳ ᠡᠮᠨᠡᠯᠭᠡ᠂ ᠡᠸᠦ᠋ᠷᠦᠫᠡ ᠡᠮᠨᠡᠯᠭᠡ ᠶᠢᠨ ᠡᠪᠡᠳᠴᠢᠨ ᠤ | ᠲᠡᠦᠬᠡ ᠶᠢ ᠢᠵᠢᠯᠢ ᠨᠢᠭᠡᠨ ᠨᠢᠭᠤᠷ ᠳᠡᠭᠡᠷ᠎ᠡ ᠪᠢᠴᠢᠬᠦ ᠶᠢ ᠪᠡᠶᠡᠯᠡᠭᠦᠯᠵᠦ᠂ ᠮᠣᠩᠭᠤᠯ ᠬᠢᠲᠠᠳ ᠪᠢᠴᠢᠭ ᠢ ᠵᠡᠷᠭᠡ ᠪᠠᠷ ᠬᠡᠷᠡᠭᠯᠡᠨ᠂ ᠡᠮᠴᠢ ᠶᠢᠨ ᠠᠵᠢᠯᠯᠠᠬᠤ ᠥᠷᠲᠡᠭᠡ ᠪᠠ | ᠰᠤᠪᠢᠯᠠᠭᠴᠢ ᠶᠢᠨ ᠠᠵᠢᠯᠯᠠᠬᠤ ᠥᠷᠲᠡᠭᠡ ᠶᠢ ᠵᠡᠷᠭᠡ ᠳᠤ ᠨᠢ ᠠᠵᠢᠯᠯᠠᠭᠤᠯᠵᠠᠢ᠃ 2013 ᠣᠨ ᠳᠤ᠂ ᠤᠯᠤᠰ ᠠᠴᠠ 930 ᠲᠦᠮᠡᠨ ᠲᠥᠭᠦᠷᠢᠭ ᠵᠠᠷᠤᠴᠠᠭᠤᠯᠤᠨ | ᠤᠯᠤᠰ ᠤᠨ ᠳᠡᠰ ᠤᠨ 31 ᠶᠠᠳᠠᠭᠤ ᠬᠦᠴᠢᠷᠲᠡᠢ ᠬᠤᠰᠢᠭᠤ ᠰᠢᠶᠠᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ | ᠳᠡᠮᠵᠢᠭᠰᠡᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠳᠠᠬᠢᠨ 2160 ᠲᠦᠮᠡᠨ ᠲᠥᠭᠦᠷᠢᠭ ᠵᠠᠷᠤᠴᠠᠭᠤᠯᠵᠤ᠂ ᠡᠮᠨᠡᠯᠭᠡ ᠶᠢᠨ | ᠬᠤᠷᠢᠶ᠎ᠠ ᠨᠢᠭᠡᠪᠦᠷᠢ ᠳᠤ 30 ᠲᠦᠮᠡᠨ ᠲᠥᠭᠦᠷᠢᠭ ᠤᠨ ᠪᠠᠷᠢᠮᠵᠢᠶ᠎ᠠ ᠪᠠᠷ ᠦᠯᠡᠳᠡᠭᠰᠡᠨ 73 ᠰᠠᠭᠤᠷᠢ ᠬᠤᠰᠢᠭᠤ ᠰᠢᠶᠠᠨ ᠤ ᠳᠡᠰ ᠤᠨ ᠮᠣᠩᠭᠤᠯ ᠬᠢᠲᠠᠳ ᠡᠮᠨᠡᠯᠭᠡ ᠶᠢᠨ | ᠬᠤᠷᠢᠶ᠎ᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠳᠤ ᠨᠥᠬᠦᠪᠦᠷᠢ ᠣᠯᠭᠤᠵᠠᠢ᠃ | ᠬᠥᠲᠥᠯᠥᠭᠴᠢ᠄ | ᠰᠠᠶᠢᠨ ᠪᠣᠯᠣᠯ᠎ᠠ᠃ ᠹᠦ᠋ ᠡᠷᠬᠢᠯᠡᠭᠴᠢ ᠶᠢᠨ ᠲᠠᠶᠢᠯᠤᠮᠵᠢ ᠳᠤ ᠪᠠᠶᠠᠷᠯᠠᠯ᠎ᠠ᠂ ᠮᠥᠨ ᠰᠦᠯᠵᠢᠶᠡᠨ ᠤ ᠠᠨᠳᠠ ᠨᠠᠷ ᠤᠨ ᠣᠷᠣᠯᠴᠠᠯᠭ᠎ᠠ ᠳᠤ ᠪᠠᠶᠠᠷᠯᠠᠯ᠎ᠠ᠃ ᠲᠤᠰ | ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠬᠦ ᠪᠣᠯᠣᠯ᠎ᠠ᠂ ᠳᠠᠷᠠᠭᠠᠴᠢ ᠶᠢᠨ ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ︕ | | | | |