内蒙古自治区人民政府 365赢多少钱会被限额_国内有真正的365平台吗_365bet博彩官网

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ 2018 ᠤᠨ ᠤ ᠤᠯᠤᠰ ᠠᠷᠠᠳ ᠤᠨ ᠠᠵᠤ ᠠᠬᠤᠢ ᠪᠤᠯᠤᠨ ᠨᠡᠶᠢᠭᠡᠮ ᠤᠨ ᠬᠦᠭᠵᠢᠯᠲᠡ ᠶᠢᠨ ᠲᠤᠭ᠎ᠠ ᠪᠦᠷᠢᠳᠬᠡᠯ ᠤᠨ ᠠᠯᠪᠠᠨ ᠮᠡᠳᠡᠭᠡ
        ᠨᠡᠶᠢᠲᠡᠯᠡᠭᠰᠡᠨ ᠴᠠᠭ᠄
        2019/3/29

        365赢多少钱会被限额_国内有真正的365平台吗_365bet博彩官网

             2018 ᠤᠨ ᠳᠤ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ ᠪᠦᠬᠦ ᠤᠷᠤᠨ ᠢᠶᠠᠷ ᠢᠶᠠᠨ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠡᠯ᠎ᠠ ᠵᠦᠢᠯ ᠤᠨ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠭᠳᠠᠭᠤᠨ ᠤ ᠳᠤᠮᠳᠠ ᠤᠷᠤᠭᠰᠢᠯᠠᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠳᠠᠯᠠᠨ᠂ ᠰᠢᠨ᠎ᠠ ᠬᠦᠭᠵᠢᠯᠳᠡ ᠶᠢᠨ ᠤᠨᠤᠯᠵᠢᠬᠤᠨ ᠢ ᠡᠷᠡᠰ ᠭᠤᠶᠢᠪᠢᠰᠢ ᠦᠬᠡᠢ ᠦᠢᠯᠡᠳᠦᠯᠭᠡᠵᠢᠭᠦᠯᠵᠦ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠪᠠᠷ ᠭᠤᠤᠯ ᠱᠤᠭᠤᠮ ᠪᠤᠯᠭᠠᠵᠤ᠂ ᠴᠢᠨᠠᠷ ᠰᠠᠶᠢᠲᠠᠢ ᠬᠦᠭᠵᠢᠯᠳᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠡᠯ᠎ᠠ ᠵᠦᠢᠯ  ᠤᠨ ᠬᠦᠴᠢᠷᠳᠡᠯ ᠪᠤᠯᠤᠨ ᠦᠷᠢᠰᠦᠯᠳᠦᠭᠡᠨ ᠢ ᠢᠳᠡᠪᠬᠢᠳᠡᠢ ᠠᠷᠭᠠᠴᠠᠭᠠᠵᠤ᠂ ᠬᠦᠴᠢᠷ ᠢ ᠲᠤᠭᠤᠯᠤᠨ ᠪᠡᠷᠭᠡ ᠶᠢ ᠲᠠᠪᠠᠵᠤ᠂ ᠡᠷᠡᠯᠭᠡᠭᠯᠡᠨ ᠤᠷᠤᠭᠰᠢᠯᠠᠵᠤ᠂ ᠪᠦᠬᠦ ᠤᠷᠤᠨ  ᠤ ᠠᠵᠤ ᠠᠬᠤᠢ ᠶᠡᠷᠦᠩᠬᠡᠢ ᠳᠤ ᠪᠠᠨ ᠲᠤᠭᠳᠠᠭᠤᠨ᠂ ᠲᠤᠭᠳᠠᠭᠤᠨ ᠤ ᠲᠤᠮᠳᠠ ᠤᠷᠤᠭᠰᠢᠯᠠᠨ ᠲᠠᠪᠰᠢᠭᠰᠠᠨ ᠬᠦᠭᠵᠢᠯᠳᠡ ᠶᠢᠨ ᠪᠠᠶᠢᠳᠠᠯ ᠢ ᠪᠠᠳᠤᠯᠠᠵᠤ᠂ ᠠᠵᠤ ᠠᠬᠤᠢ ᠶᠢᠨ ᠪᠦᠳᠦᠴᠡ ᠲᠠᠰᠤᠷᠠᠯᠳᠠ ᠦᠭᠡᠢ ᠰᠢᠯᠢᠳᠡᠭᠵᠢᠨ᠂ ᠶᠠᠰᠤ ᠴᠢᠨᠠᠷ ᠦᠷ᠎ᠠ ᠠᠰᠢᠭ ᠲᠠᠰᠤᠷᠠᠯᠳᠠ ᠦᠭᠡᠢ ᠲᠡᠭᠡᠭᠰᠢᠯᠡᠨ᠂ ᠴᠢᠨᠠᠷ ᠰᠠᠶᠢᠲᠠᠢ ᠬᠦᠭᠵᠢᠯᠳᠡ ᠶᠢᠨ ᠢᠳᠡᠷᠭᠡᠭ ᠠᠯᠬᠤᠭ᠎ᠠ ᠶᠢ ᠠᠯᠬᠤᠵᠠᠢ᠃      ᠨᠢᠭᠡ᠂ ᠶᠡᠷᠦᠩᠬᠡᠶᠢᠯᠡᠯ      ᠠᠩᠬ᠎ᠠ ᠠᠯᠬᠤᠮ ᠬᠠᠷᠭᠤᠭᠤᠯᠤᠨ ᠪᠤᠳᠤᠭᠰᠠᠨ ᠢᠶᠠᠷ᠂ ᠪᠦᠬᠦ ᠤᠷᠤᠨ ᠤ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ 17289.2 ᠳ᠋ᠦᠩᠰᠢᠭᠤᠷ ᠲᠦᠭᠦᠷᠢᠭ ᠲᠤ ᠬᠦᠷᠴᠦ᠂ ᠬᠠᠷᠢᠴᠠᠭᠤᠯᠵᠦ ᠪᠤᠯᠬᠤ ᠦᠨ᠎ᠠ ᠪᠠᠷ ᠪᠤᠳᠤᠪᠠᠯ᠂ ᠲᠡᠭᠡᠷ᠎ᠠ ᠵᠢᠯ ᠤᠨ ᠬᠢ ᠠᠴᠠ 5.3% ᠪᠠᠷ ᠨᠡᠮᠡᠭᠳᠡᠵᠡᠢ᠃ ᠡᠭᠦᠨ ᠳᠤ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠦᠷᠳᠡᠭ 1753.8 ᠳ᠋ᠦᠩᠰᠢᠭᠤᠷ ᠲᠦᠭᠦᠷᠢᠭ ᠲᠤ ᠬᠦᠷᠴᠦ᠂ 3.2% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ  ᠤᠨ ᠨᠡᠮᠡᠭᠳᠡᠯ ᠦᠷᠳᠡᠭ 6807.3 ᠳ᠋ᠦᠩᠰᠢᠭᠤᠷ ᠲᠦᠭᠦᠷᠢᠭ ᠲᠤ ᠬᠦᠷᠴᠦ᠂ 5.1% ᠪᠠᠷ ᠨᠡᠮᠡᠭᠳᠡᠵᠡᠢ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ 8728.1 ᠳ᠋ᠦᠩᠰᠢᠭᠤᠷ ᠲᠦᠭᠦᠷᠢᠭ ᠲᠤ ᠬᠦᠷᠴᠦ᠂ 6.0% ᠢᠶᠠᠷ ᠨᠡᠮᠡᠭᠳᠡᠵᠡᠢ︔ ᠭᠤᠷᠪᠠᠨ ᠠᠵᠤ ᠦᠢᠯᠡᠰ ᠤᠨ ᠬᠠᠷᠢᠴᠠᠯ 10.1᠄ 39.4᠄ 50.5 ᠪᠤᠯᠵᠠᠢ᠃ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠤᠨ ᠨᠡᠮᠡᠭᠳᠡᠯ ᠳᠤ  ᠦᠵᠡᠬᠦᠯᠬᠦ  ᠬᠤᠪᠢ  ᠨᠡᠮᠡᠷᠢ  ᠶᠢᠨ  ᠨᠤᠷᠮ᠎ᠠ  ᠲᠤᠰᠪᠤᠷᠢ 6.7%᠂ 37.2% ᠪᠠ 56.1% ᠪᠤᠯᠵᠠᠢ᠃ ᠬᠦᠮᠦᠨ ᠲᠤᠮᠳᠠᠴᠢ ᠶᠢᠨ ᠦᠢᠯᠡᠳᠪᠦᠷᠢᠯᠡᠯ ᠤᠨ ᠶᠡᠷᠦᠩᠬᠡᠢ ᠦᠷᠳᠡᠭ 68302 ᠲᠦᠭᠦᠷᠢᠭ ᠲᠤ ᠬᠦᠷᠴᠦ᠂ ᠲᠡᠭᠡᠷ᠎ᠠ ᠵᠢᠯ ᠤᠨ ᠬᠢ ᠠᠴᠠ ᠪᠠᠨ 5.0% ᠢᠶᠠᠷ ᠨᠡᠮᠡᠭᠳᠡᠵᠡᠢ᠃
             ᠵᠢᠯ ᠤᠨ ᠡᠴᠤᠰ ᠲᠤ᠂ ᠪᠦᠬᠦ ᠤᠷᠤᠨ ᠤ ᠪᠠᠶᠢᠩᠭᠤ ᠰᠠᠭᠤᠭ᠎ᠠ ᠬᠦᠮᠦᠨ ᠠᠮᠠ 2534.0 ᠲᠦᠮᠡᠨ ᠬᠦᠮᠦᠨ ᠳᠤ ᠬᠦᠷᠴᠦ᠂ ᠲᠡᠭᠡᠷ᠎ᠠ ᠵᠢᠯ ᠤᠨ ᠬᠢ ᠠᠴᠠ ᠪᠠᠨ 5.4 ᠲᠦᠮᠡᠨ ᠬᠦᠮᠦᠨ ᠨᠡᠮᠡᠭᠳᠡᠵᠡᠢ᠃ ᠡᠭᠦᠨ ᠳᠤ ᠬᠤᠳᠠ ᠪᠠᠯᠭᠠᠰᠤᠨ ᠤ ᠬᠦᠮᠦᠨ ᠠᠮᠠ 1589.1 ᠲᠦᠮᠨ ᠳᠤ ᠬᠦᠷᠴᠦ᠂ ᠬᠦᠳᠡᠭᠡ ᠲᠤᠰᠬᠤᠨ ᠤ ᠬᠦᠮᠦᠨ ᠠᠮᠠ 944.9 ᠲᠦᠮᠡ ᠪᠤᠯᠵᠠᠢ︔ ᠪᠠᠶᠢᠩᠭᠤ ᠰᠠᠭᠤᠭ᠎ᠠ ᠬᠦᠮᠦᠨ ᠠᠮᠠ ᠶᠢᠨ ᠬᠤᠳᠠ ᠪᠠᠯᠭᠠᠰᠤᠵᠢᠯᠳᠠ ᠶᠢᠨ ᠨᠤᠷᠮ᠎ᠠ 62.7% ᠳᠤ ᠬᠦᠷᠴᠦ᠂ ᠲᠡᠭᠡᠷ᠎ᠠ ᠵᠢᠯ  ᠤᠨ ᠬᠢ ᠠᠴᠠ ᠪᠠᠨ ᠵᠠᠭᠤᠨ ᠤ ᠬᠠᠷᠢᠴᠠᠯ ᠢᠶᠠᠷ 0.7 ᠬᠤᠪᠢ ᠲᠡᠭᠡᠭᠰᠢᠯᠡᠵᠡᠢ᠃ ᠡᠷᠡᠭᠳᠡᠢ ᠬᠦᠮᠦᠨ ᠠᠮᠠ 1306.2 ᠲᠦᠮᠡ ᠳᠤ ᠬᠦᠷᠴᠦ᠂ ᠡᠮᠡᠭᠳᠡᠢ ᠬᠦᠮᠦᠨ ᠠᠮᠠ 1227.8 ᠲᠦᠮᠡ ᠳᠤ ᠬᠦᠷᠴᠡᠢ᠃ ᠪᠦᠬᠦ ᠵᠢᠯ ᠤᠨ ᠰᠢᠨ᠎ᠠ ᠮᠡᠨᠳᠦᠯᠡᠭᠰᠡᠨ ᠬᠦᠮᠦᠨ ᠠᠮᠠ 21.1 ᠲᠦᠮᠡ  ᠪᠤᠯᠵᠤ  ᠂  ᠬᠦᠩᠭᠡᠵᠢᠯᠳᠡ  ᠶᠢᠨ  ᠨᠤᠷᠮ᠎ᠠ  8.35‰ ︔ ᠦᠭᠦᠭᠰᠡᠨ ᠬᠦᠮᠦᠨ ᠤ ᠲᠤᠭ᠎ᠠ 15.1 ᠲᠦᠮᠡ ᠳᠤ ᠬᠦᠷᠴᠦ᠂ ᠦᠭᠦᠯᠳᠡ ᠶᠢᠨ ᠨᠤᠷᠮ᠎ᠠ 5.95‰ ᠪᠤᠯᠪᠠ︔ ᠬᠦᠮᠦᠨ ᠠᠮᠠ ᠶᠢᠨ ᠠᠶᠠᠨᠳᠠᠭᠠᠨ ᠨᠡᠮᠡᠭᠳᠡᠭᠰᠡᠨ ᠨᠤᠷᠮ᠎ᠠ 2.40‰ ᠲᠤ ᠬᠦᠷᠴᠡᠢ᠃
             ᠵᠢᠯ ᠤᠨ ᠰᠡᠬᠦᠯᠴᠢ ᠪᠤᠯᠳᠠᠯ᠎ᠠ᠂ ᠪᠦᠬᠦ ᠤᠷᠤᠨ ᠤ ᠬᠤᠳᠠ ᠪᠠᠯᠭᠠᠰᠤᠨ ᠤ ᠬᠤᠪᠢ ᠶᠢᠨ ᠡᠵᠡᠩᠨᠡᠯᠳᠡ ᠶᠢᠨ ᠪᠤᠰᠤ ᠨᠢᠭᠡᠴᠢ ᠳᠤ ᠠᠵᠢᠯ ᠤᠯᠤᠭᠰᠠᠳ ᠤᠨ ᠲᠤᠭ᠎ᠠ 275.3 ᠲᠦᠮᠡ ᠳᠤ ᠬᠦᠷᠴᠡᠢ᠃ ᠬᠤᠳᠠ ᠪᠠᠯᠭᠠᠰᠤᠨ ᠤ ᠰᠢᠨ᠎ᠠ ᠪᠠᠷ ᠨᠡᠮᠡᠭᠳᠡᠭᠰᠡᠨ ᠠᠵᠢᠯ ᠤᠯᠤᠭᠰᠠᠳ 25.9 ᠲᠦᠮᠡ ᠳᠤ ᠬᠦᠷᠴᠦ᠂ ᠠᠵᠢᠯ ᠠᠯᠳᠠᠭᠰᠠᠳ ᠤᠨ ᠲᠤᠳᠤᠷ᠎ᠠ ᠠᠴᠠ 6.0 ᠲᠦᠮᠡᠨ ᠬᠦᠮᠦᠨ ᠲᠠᠬᠢᠵᠤ ᠠᠵᠢᠯ ᠤᠨ ᠪᠠᠶᠢᠷᠢᠨ ᠳᠤ ᠭᠠᠷᠴᠠᠢ᠃ ᠵᠢᠯ ᠤᠨ ᠰᠡᠬᠦᠯᠴᠢ ᠪᠤᠯᠳᠠᠯ᠎ᠠ ᠬᠤᠳᠠ ᠪᠠᠯᠭᠠᠰᠤᠨ ᠤ ᠲᠠᠩᠰᠠᠯᠠᠭᠰᠠᠨ ᠠᠵᠢᠯ ᠠᠯᠳᠠᠭᠰᠠᠨ ᠨᠤᠷᠮ᠎ᠠ 3.58% ᠪᠤᠯᠵᠠᠢ᠃      ᠪᠦᠬᠦ ᠵᠢᠯ ᠤᠨ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠠ ᠬᠠᠩᠰᠢ ᠶᠢᠨ ᠶᠡᠷᠦᠩᠬᠡᠢ ᠲᠦᠪᠰᠢᠨ ᠲᠡᠭᠡᠷ᠎ᠠ ᠵᠢᠯ ᠤᠨ ᠬᠢ ᠠᠴᠠ ᠪᠠᠨ 1.8% ᠪᠠᠷ ᠦᠰᠪᠡ᠃ ᠬᠤᠳᠠ ᠬᠦᠳᠡᠭᠡ ᠪᠠᠷ ᠢᠯᠭᠠᠪᠠᠯ᠂ ᠬᠤᠳᠠ ᠶᠢᠨ ᠬᠢ 1.8%᠂ ᠮᠠᠯᠵᠢᠬᠤ ᠲᠠᠷᠢᠶᠠᠯᠠᠬᠤ ᠤᠷᠤᠨ ᠤ ᠬᠢ 1.9% ᠪᠠᠷ ᠦᠰᠴᠡᠢ᠃ ᠲᠦᠷᠦᠯ ᠢᠯᠭᠠᠯ ᠬᠤᠪᠢᠶᠠᠪᠠᠯ᠂ ᠨᠠᠢᠮᠠᠨ ᠲᠤᠮᠤ ᠲᠦᠷᠦᠯ ᠤᠨ ᠦᠨ᠎ᠠ ᠬᠠᠩᠰᠢ ᠪᠦᠷ ᠦᠰᠬᠦ ᠬᠠᠨᠳᠤᠰᠢ ᠲᠠᠢ᠃ ᠢᠳᠡᠭᠡᠨ ᠲᠠᠮᠠᠬᠢ ᠠᠷᠢᠬᠢᠨ ᠤ ᠲᠦᠷᠦᠯ ᠤᠨ ᠦᠨ᠎ᠠ ᠬᠠᠩᠰᠢ 2.0% ᠪᠠᠷ ᠦᠰᠴᠦ᠂ ᠬᠤᠪᠴᠠᠰᠤ ᠬᠤᠨᠠᠷ ᠤᠨ ᠲᠦᠷᠦᠯ 1.7% ᠪᠠᠷ ᠦᠰᠴᠦ᠂ ᠤᠷᠤᠨ ᠰᠠᠭᠤᠴᠨ ᠶᠢᠨ ᠲᠦᠷᠦᠯ ᠤᠨ ᠦᠨ᠎ᠠ ᠬᠠᠩᠰᠢ 2.3% ᠪᠠᠷ ᠦᠰᠴᠦ᠂ ᠠᠮᠢᠳᠤᠷᠠᠯ ᠤᠨ ᠬᠡᠷᠡᠭᠯᠡᠭᠡᠨ ᠤ ᠵᠦᠢᠯ ᠵᠢᠴᠢ ᠦᠢᠯᠡᠴᠢᠯᠡᠭᠡᠨ ᠤ ᠲᠦᠷᠦᠯ 1.1% ᠪᠠᠷ ᠦᠰᠴᠦ᠂ ᠵᠠᠮ ᠬᠠᠷᠢᠯᠴᠠᠭ᠎ᠠ ᠪᠤᠯᠤᠨ ᠴᠢᠮᠡᠭᠡ ᠨᠡᠪᠳᠡᠷᠡᠯᠭᠡ ᠶᠢᠨ ᠲᠦᠷᠦᠯ 1.4% ᠪᠠᠷ ᠦᠰᠴᠦ᠂ ᠰᠤᠷᠭᠠᠨ ᠬᠦᠮᠦᠵᠢᠯ ᠰᠤᠶᠤᠯ ᠪᠤᠯᠤᠨ ᠵᠤᠭ᠎ᠠ ᠴᠡᠩᠭᠡᠯ ᠤᠨ ᠲᠦᠷᠦᠯ 0.8% ᠪᠠᠷ ᠦᠰᠴᠦ᠂ ᠡᠮ ᠡᠮᠨᠡᠯᠭᠡ ᠡᠷᠡᠭᠦᠯᠵᠢᠯ ᠤᠨ ᠲᠦᠷᠦᠯ 2.7% ᠪᠠᠷ ᠦᠰᠴᠦ᠂ ᠪᠤᠰᠤᠳ ᠬᠡᠷᠡᠭᠯᠡᠭᠡᠨ ᠪᠤᠯᠤᠨ ᠦᠢᠯᠡᠴᠢᠯᠡᠭᠡᠨ ᠤ ᠲᠦᠷᠦᠯ 0.6% ᠪᠠᠷ ᠦᠰᠴᠡᠢ᠃ ᠠᠵᠤ ᠦᠢᠯᠡᠳᠪᠦᠷᠢ ᠶᠢᠨ ᠦᠢᠯᠡᠳᠪᠦᠷᠢᠯᠡᠭᠴᠢ ᠶᠢᠨ ᠬᠠᠷᠠᠭᠠᠰᠤ ᠠᠴᠠ ᠦᠵᠡᠪᠡᠯ᠂ ᠠᠵᠤ ᠦᠢᠯᠡᠳᠪᠦᠷᠢ ᠶᠢᠨ ᠦᠢᠯᠡᠳᠪᠦᠷᠢᠯᠡᠭᠴᠢ ᠶᠢᠨ ᠦᠢᠯᠡᠳᠪᠦᠷᠢ ᠠᠴᠠ ᠭᠠᠷᠭᠠᠬᠤ ᠦᠨ᠎ᠠ ᠬᠠᠩᠰᠢ ᠪᠤᠯᠤᠨ ᠬᠤᠳᠠᠯᠳᠤᠨ ᠤᠷᠤᠭᠤᠯᠬᠤ ᠦᠨ᠎ᠠ ᠬᠠᠩᠰᠢ ᠲᠤᠰᠪᠤᠷᠢ 3.2% ᠪᠤᠯᠤᠨ 2.4% ᠪᠠᠷ ᠦᠰᠴᠡᠢ᠃ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢᠨ ᠦᠨ᠎ᠠ ᠬᠠᠩᠰᠢ 3.6% ᠪᠠᠷ ᠦᠰᠴᠦ᠂ ᠲᠠᠷᠢᠶᠠᠯᠠᠩ ᠤᠨ ᠪᠦᠳᠦᠭᠡᠭᠳᠡᠭᠦᠨ ᠢ ᠦᠢᠯᠡᠳᠪᠦᠷᠢᠯᠡᠬᠦ ᠦᠨ᠎ᠠ ᠬᠠᠩᠰᠢ 2.0% ᠪᠠᠷ ᠦᠰᠴᠡᠢ᠃
             ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠪᠠ᠃ ᠪᠦᠬᠦ ᠵᠢᠯ ᠳᠤ ᠨᠡᠭᠦᠷᠡᠰᠦᠨ ᠤ ᠴᠢᠳᠠᠪᠬᠢ ᠶᠢ 1110 ᠲᠦᠮᠡᠨ ᠲᠤᠨ ᠰᠢᠭᠰᠢᠭᠳᠡᠭᠦᠯᠵᠦ᠂ ᠬᠤᠴᠣᠷᠤᠩᠭᠤᠢ ᠵᠢᠵᠢᠭ ᠭᠠᠯ ᠴᠠᠬᠢᠯᠭᠠᠨ ᠢ 11.8 ᠲᠦᠮᠡᠨ ᠺᠢᠯᠣᠸᠠᠲ ᠵᠣᠭᠰᠣᠭᠠᠭᠰᠠᠨ ᠪᠠᠶᠢᠨ᠎ᠠ᠃ ᠵᠢᠯ ᠤᠨ ᠡᠴᠦᠰ ᠪᠣᠯᠬᠤ ᠳᠤ ᠲᠠᠸᠠᠷ ᠤᠨ ᠤᠷᠤᠨ ᠰᠠᠭᠤᠴᠨ ᠶᠢ ᠬᠤᠳᠠᠯᠳᠤᠬᠰᠡᠨ ᠲᠠᠯᠠᠪᠠᠢ ᠳᠡᠭᠡᠷ᠎ᠡ  ᠵᠢᠯ  ᠤᠨ  ᠬᠢ  ᠠᠴᠠ  1.9% ᠪᠠᠷ ᠪᠠᠭᠠᠰᠤᠭᠰᠠᠨ ᠪᠠᠶᠢᠨ᠎ᠠ᠃ ᠵᠢᠯ ᠤᠨ ᠡᠴᠦᠰ ᠲᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠳ᠋ ᠬᠥᠷᠥᠩᠭᠡ ᠶᠢᠨ ᠥᠷᠢ ᠥᠭᠴᠡᠭᠡᠨ ᠤ ᠨᠣᠷᠮ᠎ᠠ 63.5% ᠲᠤ ᠬᠦᠷᠴᠦ᠂ ᠳᠡᠭᠡᠷ᠎ᠡ ᠵᠢᠯ ᠤᠨ ᠬᠢ ᠠᠴᠠ 0.7 ᠵᠠᠭᠤᠨ ᠤ ᠬᠤᠪᠢ ᠬᠠᠰᠤᠭᠳᠠᠭᠰᠠᠨ ᠪᠠᠶᠢᠨ᠎ᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠵᠠᠭᠤᠨ ᠲᠥᠭᠦᠷᠢᠭ ᠪᠦᠷᠢ ᠶᠢᠨ ᠭᠤᠣᠯ ᠡᠵᠡᠩᠨᠡᠯᠲᠡ ᠶᠢᠨ ᠣᠷᠣᠯᠭ᠎ᠠ ᠶᠢᠨ ᠥᠪᠡᠷ ᠤᠨ ᠥᠷᠲᠡᠭ ᠨᠢ 77.4 ᠲᠥᠭᠦᠷᠢᠭ ᠲᠤ ᠬᠦᠷᠦᠭᠰᠡᠨ ᠪᠠᠶᠢᠨ᠎ᠠ᠃ ᠪᠦᠬᠦ ᠵᠢᠯ ᠤᠨ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠶᠡᠷᠦᠩᠬᠡᠢ ᠥᠷᠲᠡᠭ ᠲᠤ ᠡᠵᠡᠯᠡᠬᠦ ᠬᠤᠪᠢ ᠶᠢᠨ ᠵᠢᠩ ᠨᠢ 18.1% ᠪᠣᠯᠵᠤ᠂ ᠳᠡᠭᠡᠷ᠎ᠡ ᠵᠢᠯ ᠤᠨ ᠬᠢ ᠠᠴᠠ 0.5 ᠵᠠᠭᠤᠨ ᠤ ᠬᠤᠪᠢ ᠨᠡᠮᠡᠭᠳᠡᠪᠡ︔ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠳᠡᠭᠡᠷ᠎ᠡ ᠵᠢᠯ ᠤᠨ ᠬᠢ ᠠᠴᠠ 28.4% ᠪᠠᠷ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠶᠡᠷᠦᠩᠬᠡᠢ ᠥᠷᠲᠡᠭ ᠲᠤ ᠡᠵᠡᠯᠡᠬᠦ ᠬᠠᠷᠢᠴᠠᠯ 1.6% ᠳᠤ ᠬᠦᠷᠴᠦ᠂ ᠳᠡᠭᠡᠷ᠎ᠡ ᠵᠢᠯ ᠤᠨ ᠬᠢ ᠠᠴᠠ 0.7 ᠵᠠᠭᠤᠨ ᠤ ᠬᠤᠪᠢ ᠳᠡᠭᠡᠭᠰᠢᠯᠡᠭᠰᠡᠡ ᠪᠠᠶᠢᠨ᠎ᠠ᠃ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠪᠡᠯᠡ ᠣᠷᠣᠭᠤᠯᠤᠯᠲᠠ ᠶᠢᠨ ᠪᠦᠬᠦ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠳᠤ ᠡᠵᠡᠯᠡᠬᠦ ᠬᠠᠷᠢᠴᠠᠯ 14.0% ᠪᠣᠯᠵᠤ᠂ ᠳᠡᠭᠡᠷ᠎ᠡ ᠵᠢᠯ ᠤᠨ ᠬᠢ ᠠᠴᠠ 1.2 ᠵᠠᠭᠤᠨ ᠤ ᠬᠤᠪᠢ ᠳᠡᠭᠡᠭᠰᠢᠯᠡᠭᠰᠡᠨ ᠪᠠᠶᠢᠨ᠎ᠠ᠃ ᠡᠭᠦᠨ ᠳᠤ ᠦᠢᠯᠡᠳᠬᠦ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢᠨ ᠪᠡᠯᠡ ᠣᠷᠣᠭᠤᠯᠤᠯᠲᠠ ᠶᠢᠨ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠳᠠᠬᠢ ᠡᠵᠡᠯᠡᠬᠦ ᠬᠤᠪᠢ ᠶᠢᠨ ᠵᠢᠩ ᠨᠢ 16.4% ᠪᠣᠯᠵᠤ᠂ ᠳᠡᠭᠡᠷ᠎ᠡ ᠵᠢᠯ ᠤᠨ ᠬᠢ ᠠᠴᠠ 5.1 ᠵᠠᠭᠤᠨ ᠤ ᠬᠤᠪᠢ ᠳᠡᠭᠡᠭᠰᠢᠯᠡᠪᠡ᠃ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠪᠡᠯᠡ ᠣᠷᠣᠭᠤᠯᠤᠯᠲᠠ 20% ᠪᠠᠷ ᠨᠡᠮᠡᠭᠳᠡᠵᠤ᠂ ᠮᠡᠳᠡᠭᠡ ᠵᠠᠩᠭᠢ ᠶᠢᠨ ᠳᠠᠮᠵᠢᠭᠤᠯᠭ᠎ᠠ᠂ ᠵᠦᠭᠡᠯᠡᠨ ᠲᠣᠨᠤᠭ ᠪᠣᠯᠤᠨ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠪᠡᠯᠡ ᠣᠷᠣᠭᠤᠯᠤᠯᠲᠠ ᠳᠡᠭᠡᠷ᠎ᠡ ᠵᠢᠯ ᠤᠨ ᠬᠢ ᠠᠴᠠ 6.2% ᠢᠶᠠᠷ ᠨᠡᠮᠡᠭᠳᠡᠭᠰᠡᠨ ᠪᠠᠶᠢᠨ᠎ᠠ᠃      ᠰᠢᠨ᠎ᠡ ᠬᠥᠳᠡᠯᠭᠡᠭᠦ ᠡᠨᠧᠷᠭᠢ ᠰᠢᠨ᠎ᠡ ᠠᠵᠤ ᠦᠢᠯᠡᠰ ᠤᠨ ᠰᠢᠨ᠎ᠡ ᠡᠵᠡᠩᠨᠡᠯᠲᠡ ᠶᠢᠨ ᠬᠡᠯᠪᠡᠷᠢ ᠶᠢ ᠲᠦᠷᠭᠡᠳᠬᠡᠪᠡ᠃ ᠪᠦᠬᠦ ᠵᠢᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠳᠤ ᠨᠡᠭᠦᠷᠡᠰᠦᠨ ᠤ ᠪᠤᠰᠤ ᠠᠵᠤ ᠦᠢᠯᠡᠰ ᠤᠨ ᠨᠡᠮᠡᠭᠳᠡᠯ ᠥᠷᠲᠡᠭ ᠳᠡᠭᠡᠷ᠎ᠡ ᠵᠢᠯ ᠤᠨ ᠬᠢ ᠠᠴᠠ 9.7% ᠪᠠᠷ ᠨᠡᠮᠡᠭᠳᠡᠵᠦ᠂ ᠨᠡᠭᠦᠷᠡᠰᠦᠨ ᠤ ᠠᠵᠤ ᠦᠢᠯᠡᠰ ᠤᠨ ᠨᠡᠮᠡᠭᠳᠡᠯ ᠥᠷᠲᠡᠭ ᠠᠴᠠ 8.1 ᠵᠠᠭᠤᠨ ᠤ ᠬᠤᠪᠢ ᠢᠯᠡᠭᠦᠦ ᠨᠡᠮᠡᠭᠳᠡᠭᠰᠡᠨ ᠪᠠᠶᠢᠨ᠎ᠠ᠃ ᠦᠢᠯᠡᠳᠬᠦ ᠦᠢᠯᠡᠰ ᠤᠨ ᠨᠡᠮᠡᠭᠳᠡᠯ ᠥᠷᠲᠡᠭ 8.9% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠳᠤ ᠡᠵᠡᠯᠡᠬᠦ ᠬᠠᠷᠢᠴᠠᠯ ᠨᠢ 43.2% ᠪᠣᠯᠤᠭᠰᠠᠨ ᠪᠠᠶᠢᠨ᠎ᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠨᠡᠮᠡᠭᠳᠡᠯ ᠥᠷᠲᠡᠭ ᠳᠡᠭᠡᠷ᠎ᠡ ᠵᠢᠩ ᠤᠨ  ᠬᠢ ᠠᠴᠠ 8.7% ᠪᠠᠷ ᠨᠡᠮᠡᠭᠳᠡᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 17.1% ᠪᠠᠷ ᠨᠡᠮᠡᠭᠳᠡᠪᠡ᠃ ᠪᠦᠬᠦ ᠵᠢᠯ ᠤᠨ ᠳᠠᠩ ᠲᠠᠯᠠᠰᠲᠤ ᠴᠠᠬᠢᠭᠤᠷ ᠤᠨ ᠭᠠᠷᠤᠯᠲᠠ 1.2 ᠳᠠᠬᠢᠨ ᠢᠶᠠᠷ ᠨᠡᠮᠡᠭᠳᠡᠵᠦ᠂ ᠬᠤᠪᠣᠷ ᠰᠢᠷᠤᠢ ᠶᠢᠨ ᠨᠢᠭᠡᠳᠪᠦᠷᠢ ᠶᠢᠨ ᠭᠠᠷᠤᠯᠲᠠ 45.9% ᠪᠠᠷ ᠨᠡᠮᠡᠭᠳᠡᠵᠦ᠂ ᠪᠡᠯ ᠴᠢᠯᠠᠭᠤ ᠵᠢᠴᠢ ᠨᠡᠭᠦᠷᠡᠰᠦᠨ ᠬᠦᠴᠢᠯ ᠤᠨ ᠪᠦᠲᠦᠭᠡᠭᠳᠡᠬᠦᠨ ᠤ ᠭᠠᠷᠤᠯᠲᠠ 42.8% ᠪᠠᠷ ᠨᠡᠮᠡᠭᠳᠡᠵᠦ᠂ ᠰᠢᠨ᠎ᠡ ᠡᠨᠧᠷᠭᠢ ᠶᠢᠨ ᠮᠠᠰᠢᠨ ᠲᠡᠷᠭᠡ ᠦᠢᠯᠡᠳᠪᠦᠷᠢᠯᠡᠭᠰᠡᠨ ᠬᠡᠮᠵᠢᠶ᠎ᠡ 11547 ᠪᠤᠯᠪᠠ᠃      ᠬᠤᠶᠠᠷ᠂ ᠮᠠᠯ ᠠᠵᠤ ᠠᠬᠤᠢ ᠲᠠᠷᠢᠶᠠᠯᠠᠩ      ᠪᠦᠬᠦ ᠵᠢᠯ ᠳᠤ ᠲᠠᠷᠢᠮᠠᠯ ᠤᠨ ᠶᠡᠷᠦᠩᠬᠡᠢ ᠲᠠᠯᠠᠪᠠᠢ 882.4 ᠲᠦᠮᠡᠨ ᠾᠧᠺᠲ᠋ᠠᠷ ᠲᠤ ᠬᠦᠷᠴᠦ᠂ ᠳᠡᠭᠡᠷ᠎ᠡ ᠵᠢᠯ ᠤᠨ ᠬᠢ ᠠᠴᠠ 2.1% ᠪᠠᠷ ᠬᠠᠰᠤᠭᠳᠠᠭᠰᠠᠨ ᠪᠠᠶᠢᠨ᠎ᠠ᠃ ᠡᠭᠦᠨ ᠳᠤ ᠠᠮᠤ ᠪᠤᠳᠠᠭᠠᠨ ᠤ ᠲᠠᠷᠢᠮᠠᠯ ᠤᠨ ᠲᠠᠯᠠᠪᠠᠢ 679.0 ᠲᠦᠮᠡᠨ ᠾᠧᠺᠲ᠋ᠠᠷ ᠪᠠᠶᠢᠵᠤ᠂ 0.1% ᠪᠠᠷ ᠨᠡᠮᠡᠭᠳᠡᠪᠡ︔ ᠠᠵᠤ ᠠᠬᠤᠢ ᠶᠢᠨ ᠲᠠᠷᠢᠮᠠᠯ  ᠤᠨ ᠲᠠᠯᠠᠪᠠᠢ 203.4 ᠲᠦᠮᠡᠨ ᠾᠧᠺᠲ᠋ᠠᠷ ᠪᠠᠶᠢᠵᠤ᠂ 8.9% ᠪᠠᠷ ᠬᠠᠰᠤᠭᠳᠠᠪᠠ᠃ ᠠᠮᠤ ᠪᠤᠳᠠᠭᠠᠨ ᠤ ᠶᠡᠷᠦᠩᠬᠡᠢ ᠤᠨᠠᠯᠲᠠ 3553.3 ᠲᠦᠮᠡᠨ ᠲᠤᠨ ᠳᠤ ᠬᠦᠷᠴᠦ᠂ ᠳᠡᠭᠡᠷ᠎ᠡ ᠵᠢᠯ ᠤᠨ ᠬᠢ ᠠᠴᠠ 9.2% ᠢᠶᠠᠷ ᠨᠡᠮᠡᠭᠳᠡᠪᠠ︔ ᠲᠣᠰᠣᠯᠢᠭ ᠲᠠᠷᠢᠮᠠᠯ ᠤᠨ ᠤᠨᠠᠯᠳᠠ 201.5 ᠲᠦᠮᠡᠨ ᠲᠤᠨ ᠪᠤᠯᠵᠦ᠂ 16.3% ᠪᠠᠷ ᠪᠠᠭᠤᠷᠠᠪᠠ︔ ᠰᠢᠬᠢᠷ ᠯᠤᠤᠪᠠᠩ ᠤᠨ ᠤᠨᠠᠯᠳᠠ 515.9 ᠲᠦᠮᠡᠨ ᠲᠤᠨ ᠪᠤᠯᠵᠦ᠂ 49.8% ᠪᠠᠷ ᠨᠡᠮᠡᠭᠳᠡᠪᠡ︔ ᠢᠳᠡᠰᠢᠨ ᠨᠣᠭᠤᠭᠠᠨ ᠤ ᠤᠨᠠᠯᠳᠠ 1006.5 ᠲᠦᠮᠡᠨ ᠲᠤᠨ ᠪᠣᠯᠵᠤ᠂ 9.4% ᠪᠠᠷ ᠪᠠᠭᠤᠷᠠᠪᠠ︔ ᠵᠢᠮᠢᠰ ᠤᠨ ︵ᠭᠤᠸᠠ︶ ᠤᠨᠠᠯᠳᠠ 225.5 ᠲᠦᠮᠡᠨ ᠲᠤᠨ ᠪᠤᠯᠵᠦ᠂ 15.8% ᠪᠠᠷ ᠪᠠᠭᠤᠷᠠᠭᠰᠠᠨ ᠪᠠᠶᠢᠨ᠎ᠠ      ᠪᠦᠬᠦ ᠵᠢᠯ ᠤᠨ ᠮᠢᠬᠠᠨ ᠤ ᠵᠦᠢᠯ ᠤᠨ ᠶᠡᠷᠦᠩᠬᠡᠢ ᠭᠠᠷᠤᠯᠲᠠ 267.2 ᠲᠦᠮᠡᠨ ᠲᠤᠨ ᠳᠤ ᠬᠦᠷᠴᠦ᠂ ᠳᠡᠭᠡᠷ᠎ᠡ ᠵᠢᠯ ᠤᠨ ᠬᠢ ᠠᠴᠠ 0.8% ᠪᠠᠷ ᠨᠡᠮᠡᠭᠳᠡᠵᠡᠢ᠃ ᠡᠭᠦᠨ ᠳᠤ ᠭᠠᠭ᠋ᠠᠢ ᠶᠢᠨ ᠮᠢᠬᠠᠨ ᠤ ᠭᠠᠷᠤᠯᠲᠠ 71.8 ᠲᠦᠮᠡᠨ ᠲᠤᠨ ᠭᠦᠷᠴᠤ᠂ 2.3% ᠪᠠᠷ ᠪᠠᠭᠤᠷᠠᠪᠡ︔ ᠦᠬᠡᠷ ᠤᠨ ᠮᠢᠬᠠᠨ ᠤ ᠭᠠᠷᠤᠯᠲᠠ 61.4 ᠲᠦᠮᠡᠨ ᠲᠤᠨ ᠳᠤ ᠬᠦᠷᠴᠦ᠂ 3.3% ᠪᠠᠷ ᠨᠡᠮᠡᠭᠳᠡᠪᠡ︔ ᠬᠤᠨᠢᠨ ᠮᠢᠬᠠᠨ ᠤ ᠭᠠᠷᠤᠯᠲᠠ 106.3 ᠲᠦᠮᠡᠨ ᠲᠤᠨ ᠳᠤ ᠬᠦᠷᠴᠦ᠂ 2.1% ᠪᠠᠷ ᠨᠡᠮᠡᠭᠳᠡᠪᠡ︔ ᠵᠢᠭᠦᠷᠲᠡᠨ  ᠤ ᠮᠢᠬᠠᠨ ᠤ ᠭᠠᠷᠤᠯᠲᠠ 19.7 ᠲᠦᠮᠡᠨ ᠲᠤᠨ ᠪᠠᠶᠢᠵᠤ᠂ 2.0% ᠪᠠᠷ ᠪᠠᠭᠤᠷᠠᠪᠡ᠃ ᠵᠢᠭᠦᠷᠲᠡᠨ ᠤ ᠥᠨᠳᠡᠭᠡᠨ ᠤ ᠭᠠᠷᠤᠯᠲᠠ 55.2 ᠲᠦᠮᠡᠨ ᠲᠤᠨ ᠳᠤ ᠬᠦᠷᠴᠦ᠂ 3.7% ᠪᠠᠷ ᠨᠡᠮᠡᠭᠳᠡᠭᠰᠡᠨ ᠪᠠᠶᠢᠨ᠎ᠠ᠃ ᠦᠨᠢᠶᠡᠨ ᠰᠦ ᠶᠢᠨ ᠭᠠᠷᠤᠯᠲᠠ 565.6 ᠲᠦᠮᠡᠨ ᠲᠤᠨ ᠳᠤ ᠬᠦᠷᠴᠦ᠂ 2.3% ᠪᠠᠷ ᠨᠡᠮᠡᠭᠳᠡᠪᠡ᠃ ᠵᠢᠯ ᠤᠨ ᠰᠡᠬᠦᠯᠴᠢ ᠪᠤᠯᠳᠠᠯ᠎ᠠ ᠮᠠᠯ ᠤᠨ ᠭᠠᠷᠭᠠᠯᠲᠠ ᠶᠢᠨ ᠲᠤᠭ᠎ᠠ 7277.9 ᠲᠦᠮᠡᠨ ᠲᠣᠯᠣᠭᠠᠢ ᠭᠦᠷᠴᠤ᠂ ᠳᠡᠭᠡᠷ᠎ᠡ ᠵᠢᠯ ᠤᠨ ᠬᠢ ᠠᠴᠠ 2.2% ᠪᠠᠷ ᠪᠠᠭᠤᠷᠠᠪᠡ᠃ ᠡᠭᠦᠨ ᠳᠤ ᠭᠠᠭ᠋ᠠᠢ ᠶᠢᠨ ᠭᠠᠷᠭᠠᠯᠲᠠ 497.3 ᠲᠦᠮᠡᠨ ᠲᠣᠯᠣᠭᠠᠢ ᠭᠦᠷᠴᠤ᠂ 1.6% ᠪᠠᠷ ᠪᠠᠭᠤᠷᠠᠪᠡ︔ ᠦᠬᠡᠷ ᠤᠨ ᠭᠠᠷᠭᠠᠯᠲᠠ 616.2 ᠲᠦᠮᠡᠨ ᠲᠣᠯᠣᠭᠠᠢ ᠭᠦᠷᠴᠤ᠂ 6.1% ᠪᠠᠷ ᠪᠠᠭᠤᠷᠠᠪᠡ︔ ᠬᠤᠨᠢᠨ ᠤ ᠭᠠᠷᠭᠠᠯᠲᠠ  6001.9  ᠲᠦᠮᠡ  ᠲᠣᠯᠣᠭᠠᠢ  ᠭᠦᠷᠴᠤ  ᠂   1.8% ᠪᠠᠷ ᠪᠠᠭᠤᠷᠠᠬᠰᠡᠨ ᠪᠠᠶᠢᠨ᠎ᠠ᠃
             ᠵᠢᠯ ᠤᠨ ᠰᠡᠬᠦᠯᠴᠢ ᠪᠤᠯᠳᠠᠯ᠎ᠠ ᠪᠦᠬᠦ ᠣᠷᠣᠨ ᠤ ᠮᠠᠯ ᠠᠵᠤ ᠠᠬᠤᠢ ᠲᠠᠷᠢᠶᠠᠯᠠᠩ ᠤᠨ ᠮᠠᠰᠢᠨᠴᠢᠯᠠᠯᠳᠠ ᠶᠢᠨ ᠶᠡᠷᠦᠩᠬᠡᠢ ᠬᠥᠳᠡᠯᠭᠡᠭᠴᠢ ᠬᠦᠴᠦᠨ 3663.7 ᠲᠦᠮᠡᠨ ᠺᠢᠯᠤᠸᠠᠲ ᠲᠤ ᠬᠦᠷᠴᠦ᠂ ᠳᠡᠭᠡᠷ᠎ᠡ  ᠵᠢᠯ  ᠤᠨ  ᠬᠢ  ᠠᠴᠠ  5.2% ᠪᠠᠷ ᠨᠡᠮᠡᠭᠳᠡᠪᠡ︔ ᠶᠡᠷᠦᠩᠬᠡᠶᠢᠯᠡᠭᠰᠡᠨ ᠮᠠᠰᠢᠨᠴᠢᠯᠠᠯᠳᠠ ᠶᠢᠨ ᠲᠦᠪᠰᠢᠨ 84% ᠳᠤ ᠬᠦᠷᠦᠭᠰᠡᠨ ᠪᠠᠶᠢᠨ᠎ᠠ᠃      ᠭᠤᠷᠪᠠ᠂ ᠠᠵᠤ ᠦᠢᠯᠡᠳᠪᠦᠷᠢ ᠪᠠ ᠪᠠᠷᠢᠯᠭ᠎ᠠ ᠶᠢᠨ ᠦᠢᠯᠡᠰ      ᠪᠦᠬᠦ ᠵᠢᠯ ᠳᠤ ᠪᠦᠬᠦᠶᠢᠯᠡ ᠠᠵᠤ ᠦᠢᠯᠡᠳᠪᠦᠷᠢ ᠶᠢᠨ ᠨᠡᠮᠡᠭᠳᠡᠯ  ᠦᠷᠳᠡᠭ  ᠳᠡᠭᠡᠷ᠎ᠡ  ᠵᠢᠯ   ᠤᠨ  ᠬᠢ  ᠠᠴᠠ 6.9% ᠪᠠᠷ ᠨᠡᠮᠡᠭᠳᠡᠪᠡ᠃ ᠡᠭᠦᠨ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠦ ᠠᠬᠤᠶᠢᠯᠠᠯ ᠤᠨ ᠨᠡᠮᠡᠭᠳᠡᠯ ᠦᠷᠳᠡᠭ 7.1% ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠦ ᠠᠬᠤᠶᠢᠯᠠᠯ ᠳᠤᠳᠤᠷ᠎ᠠ᠂ ᠠᠵᠤ ᠠᠬᠤᠢ ᠶᠢᠨ ᠳᠦᠷᠦᠯ ᠢᠶᠠᠷ ᠬᠤᠪᠢᠶᠠᠪᠡᠯ᠂ ᠤᠯᠤᠰ ᠠᠴᠠ ᠬᠤᠪᠢ ᠡᠵᠡᠮᠳᠡᠭᠰᠡᠨ ᠠᠵᠤ ᠠᠬᠤᠶᠢᠯᠠᠯ ᠤᠨ ᠨᠡᠮᠡᠭᠳᠡᠯ ᠦᠷᠳᠡᠭ 7.8% ᠪᠠᠷ ᠨᠡᠮᠡᠭᠳᠡᠵᠦ᠂ ᠬᠠᠮᠳᠤ ᠶᠢᠨ ᠠᠵᠤ ᠠᠬᠤᠶᠢᠯᠠᠯ 12.8% ᠪᠠᠷ ᠨᠡᠮᠡᠭᠳᠡᠵᠦ᠂ ᠬᠤᠪᠢᠴᠠᠭᠠᠳᠦ ᠠᠵᠤ ᠠᠬᠤᠶᠢᠯᠠᠯ ᠤᠨ ᠨᠡᠮᠡᠭᠳᠡᠯ ᠦᠷᠳᠡᠭ 7.8% ᠪᠠᠷ ᠨᠡᠮᠡᠭᠳᠡᠵᠦ᠂ ᠭᠠᠳᠠᠭᠠᠳᠤ ᠶᠢᠨ ᠠᠷᠠᠯᠵᠢᠶᠠᠴᠢᠨ ᠵᠢᠴᠢ ᠰᠢᠶᠠᠩᠭᠠᠩ ᠤᠤᠮᠧᠨ ᠲᠠᠶᠢᠸᠠᠨ ᠤ ᠪᠡᠯᠡ ᠤᠷᠤᠭᠤᠯᠤᠭᠰᠠᠨ ᠠᠵᠤ ᠠᠬᠤᠶᠢᠯᠠᠯ ᠤᠨ ᠨᠡᠮᠡᠭᠳᠡᠯ ᠦᠷᠳᠡᠭ 4.2% ᠪᠠᠷ ᠨᠡᠮᠡᠭᠳᠡᠪᠡ᠃ ᠠᠵᠢᠯ ᠳᠦᠷᠦᠯ ᠢᠶᠠᠷ ᠠᠩᠭᠢᠯᠠᠪᠠᠯ᠂ ᠠᠭᠤᠷᠬᠠᠢ ᠮᠠᠯᠳᠠᠬᠤ ᠦᠢᠯᠡᠰ ᠤᠨ ᠬᠢ 1.0%᠂ ᠦᠢᠯᠡᠳᠬᠦ ᠦᠢᠯᠡᠰ ᠤᠨ ᠬᠢ 8.9% ᠪᠠᠷ ᠨᠡᠮᠡᠭᠳᠡᠵᠦ᠂ ᠴᠠᠭᠢᠯᠭᠠᠨ ᠬᠦᠴᠦᠨ᠂ ᠢᠯᠴᠢ᠂ ᠰᠢᠳᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 13.8% ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠦ ᠠᠬᠤᠶᠢᠯᠠᠯ ᠳᠤᠳᠤᠷ᠎ᠠ᠂ ᠬᠦᠩᠭᠡᠨ ᠠᠵᠤ ᠦᠢᠯᠡᠳᠪᠦᠷᠢ ᠶᠢᠨ ᠨᠡᠮᠡᠭᠳᠡᠯ ᠦᠷᠳᠡᠭ 1.4% ᠪᠠᠷ ᠪᠠᠭᠤᠷᠠᠪᠠ︔ ᠬᠦᠨᠳᠦ ᠠᠵᠤ ᠦᠢᠯᠡᠳᠪᠦᠷᠢ ᠶᠢᠨ ᠨᠡᠮᠡᠭᠳᠡᠯ ᠦᠷᠲᠡᠭ 8.2% ᠪᠠᠷ ᠨᠡᠮᠡᠭᠳᠡᠪᠡ᠃
             ᠠᠵᠤ ᠦᠢᠯᠡᠳᠪᠦᠷᠢ ᠶᠢᠨ ᠭᠤᠤᠯ ᠪᠤᠯᠬᠤ ᠦᠢᠯᠡᠳᠭᠦᠨ ᠤ ᠭᠠᠷᠤᠯᠳᠠ ᠶᠢᠨ ᠬᠡᠮᠵᠢᠶ᠎ᠠ ᠠᠴᠠ ᠦᠵᠡᠪᠡᠯ᠂ ᠪᠦᠬᠦ ᠤᠷᠤᠨ ᠤ ᠲᠦᠬᠦᠬᠡᠢ ᠨᠡᠭᠦᠷᠡᠰᠦᠨ ᠤ ᠭᠠᠷᠤᠯᠳᠠ 97560.3 ᠲᠦᠮᠡᠨ ᠳᠤᠨ᠂ ᠳᠡᠭᠡᠷ᠎ᠡ  ᠵᠢᠯ   ᠤᠨ  ᠬᠢ  ᠠᠴᠠ  7.7% ᠪᠠᠷ ᠨᠡᠮᠡᠭᠳᠡᠪᠡ︔ ᠬᠡᠦᠷᠰᠢᠭᠦᠯᠦᠭᠰᠡᠨ ᠨᠡᠭᠦᠷᠡᠰᠦᠨ ᠤ ᠭᠠᠷᠤᠯᠳᠠ 3374.1 ᠲᠦᠮᠡᠨ ᠳᠤᠨ᠂ ᠳᠡᠭᠡᠷ᠎ᠡ ᠵᠢᠯ ᠤᠨ ᠬᠢ ᠠᠴᠠ 10.8% ᠪᠠᠷ ᠨᠡᠮᠡᠭᠳᠡᠪᠡ︔ ᠴᠠᠬᠢᠯᠭᠠᠨ ᠭᠠᠷᠭᠠᠭᠰᠠᠨ ᠬᠡᠮᠵᠢᠶ᠎ᠠ 5003.0 ᠳ᠋ᠦᠩᠰᠢᠭᠤᠷ ᠺᠢᠯᠦᠸᠠᠲ ᠴᠠᠭ ᠲᠤ ᠬᠦᠷᠴᠦ᠂ 13.4% ᠪᠠᠷ ᠨᠡᠮᠡᠭᠳᠡᠪᠡ᠂ ᠡᠭᠦᠨ ᠳᠤ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠭᠰᠠᠨ ᠬᠡᠮᠵᠢᠶ᠎ᠠ 632.4 ᠳ᠋ᠦᠩᠰᠢᠭᠤᠷ ᠺᠢᠯᠦᠸᠠᠲ ᠴᠠᠭ᠂ 16.0% ᠪᠠᠷ

        365赢多少钱会被限额_国内有真正的365平台吗_365bet博彩官网

        ᠨᠡᠮᠡᠭᠳᠡᠪᠠ︔ ᠪᠤᠯᠤᠳ ᠮᠠᠲ᠋ᠧᠷᠢᠶᠠᠯ ᠤᠨ ᠭᠠᠷᠤᠯᠳᠠ 2259.5 ᠲᠦᠮᠡᠨ ᠳᠤᠨ᠂ 12.8% ᠪᠠᠷ ᠨᠡᠮᠡᠭᠳᠡᠪᠡ︔ ᠬᠦᠩᠭᠡᠨ ᠴᠠᠭᠠᠨ ᠤ ᠮᠠᠲ᠋ᠧᠷᠢᠶᠠᠯ ᠤᠨ ᠭᠠᠷᠤᠯᠳᠠ 169.9 ᠲᠦᠮᠡᠨ ᠳᠤᠨ᠂ 18.5% ᠪᠠᠷ ᠨᠡᠮᠡᠭᠳᠡᠪᠡ᠃
             ᠪᠦᠬᠦ ᠵᠢᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠭᠤᠤᠯ ᠪᠤᠯᠬᠤ ᠡᠵᠡᠩᠨᠡᠯᠳᠠ ᠶᠢᠨ ᠤᠷᠤᠯᠭ᠎ᠠ 14023.1 ᠳ᠋ᠦᠩᠰᠢᠭᠤᠷ ᠳᠦᠭᠦᠷᠢᠭ᠂ ᠳᠡᠭᠡᠷ᠎ᠡ  ᠵᠢᠯ   ᠤᠨ  ᠬᠢ  ᠠᠴᠠ  12.8% ᠪᠠᠷ ᠨᠡᠮᠡᠭᠳᠡᠪᠡ︔ ᠠᠰᠢᠬ ᠤᠷᠤᠯᠭ᠎ᠠ ᠨᠢ 1409.4 ᠳ᠋ᠦᠩᠰᠢᠭᠤᠷ ᠳᠦᠭᠦᠷᠢᠭ᠂ 7.5% ᠪᠠᠷ ᠨᠡᠮᠡᠭᠳᠡᠪᠡ︔ ᠭᠤᠤᠯ ᠪᠤᠯᠬᠤ ᠡᠵᠡᠩᠨᠡᠯᠳᠡ ᠶᠢᠨ ᠳᠦᠷᠦᠯ ᠤᠨ ᠤᠷᠤᠯᠭ᠎ᠠ ᠶᠢᠨ ᠠᠰᠢᠬ ᠬᠤᠨᠵᠢᠪᠦᠷᠢ ᠶᠢᠨ ᠨᠤᠷᠮ᠎ᠠ 10.1% ᠪᠤᠯᠵᠠᠢ᠃ ᠪᠦᠬᠦ ᠵᠢᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠤ ᠪᠤᠷᠤᠯᠠᠭᠤᠯᠭ᠎ᠠ ᠶᠢᠨ ᠨᠤᠷᠮ᠎ᠠ ᠨᠢ 99.2% ᠪᠤᠯᠪᠠ᠃      ᠪᠦᠬᠦ ᠵᠢᠯ ᠤᠨ ᠪᠠᠷᠢᠯᠭ᠎ᠠ ᠶᠢᠨ ᠦᠢᠯᠡᠰ ᠤᠨ ᠨᠡᠮᠡᠭᠳᠡᠯ  ᠦᠷᠳᠡᠭ  ᠨᠢ  ᠳᠡᠭᠡᠷ᠎ᠡ  ᠵᠢᠯ   ᠤᠨ  ᠬᠢ  ᠠᠴᠠ  2.1% ᠪᠠᠷ ᠪᠠᠭᠤᠷᠠᠪᠠ᠃ ᠪᠦᠬᠦ ᠤᠷᠤᠨ ᠤ ᠪᠠᠷᠢᠯᠭ᠎ᠠ ᠶᠢᠨ ᠦᠢᠯᠡᠰ ᠡᠷᠬᠢᠯᠡᠬᠦ ᠬᠢᠷᠢ ᠬᠡᠮ ᠪᠦᠬᠦᠢ ᠪᠠᠷᠢᠯᠭ᠎ᠠ ᠶᠢᠨ ᠠᠵᠤ ᠠᠬᠤᠶᠢᠯᠠᠯ 1147 ᠪᠤᠯᠵᠤ᠂ ᠳᠡᠭᠡᠷ᠎ᠡ ᠵᠢᠯ ᠠᠴᠠ 137 ᠨᠡᠮᠡᠭᠳᠡᠪᠡ᠃ ᠪᠠᠷᠢᠯᠭ᠎ᠠ ᠶᠢᠨ ᠠᠵᠤ ᠠᠬᠤᠶᠢᠯᠠᠯ ᠤᠨ ᠤᠷᠤᠨ ᠰᠠᠭᠤᠴᠠ ᠪᠠᠶᠢᠭᠤᠯᠤᠭᠰᠠᠨ ᠳᠠᠯᠠᠪᠠᠢ ᠨᠢ 5369.2 ᠳᠦᠮᠡᠨ ᠳᠡᠭᠰᠢ ᠳᠦᠷᠪᠡᠯᠵᠢᠨ ᠮᠧᠲᠷ ᠲᠤ ᠬᠦᠷᠴᠦ᠂ 1.4% ᠪᠠᠷ ᠪᠠᠭᠤᠷᠠᠪᠠ︔ ᠪᠠᠷᠢᠯᠭ᠎ᠠ ᠪᠠᠨ ᠳᠠᠭᠤᠰᠬᠠᠬᠰᠠᠨ ᠭᠡᠷ ᠪᠠᠶᠢᠰᠢᠩ ᠤᠨ ᠪᠠᠷᠢᠯᠭ᠎ᠠ ᠶᠢᠨ ᠳᠠᠯᠠᠪᠠᠢ 1699.8 ᠳᠦᠮᠡᠨ ᠳᠡᠭᠰᠢ ᠳᠦᠷᠪᠡᠯᠵᠢᠨ ᠮᠧᠲᠷ᠂ 16.3% ᠪᠠᠷ ᠪᠠᠭᠤᠷᠠᠪᠠ︔ ᠤᠷᠤᠨ ᠰᠠᠭᠤᠴᠠ ᠶᠢᠨ ᠪᠠᠷᠢᠯᠭ᠎ᠠ ᠳᠠᠭᠤᠰᠬᠠᠭᠰᠠᠨ ᠨᠤᠷᠮ᠎ᠠ 31.7% ᠪᠤᠯᠪᠠ᠃ ᠪᠦᠬᠦ ᠵᠢᠯ ᠤᠨ ᠪᠠᠷᠢᠯᠭ᠎ᠠ ᠶᠢᠨ ᠦᠢᠯᠡᠰ ᠡᠷᠬᠢᠯᠡᠬᠦ ᠬᠢᠷᠢ ᠬᠡᠮ ᠪᠦᠬᠦᠢ ᠪᠠᠷᠢᠯᠭ᠎ᠠ ᠶᠢᠨ ᠠᠵᠤ ᠠᠬᠤᠶᠢᠯᠠᠯ ᠤᠨ ᠪᠡᠶᠡᠯᠡᠭᠦᠯᠦᠭᠰᠡᠨ ᠠᠰᠢᠬ ᠤᠷᠤᠯᠭ᠎ᠠ 36.5 ᠳ᠋ᠦᠩᠰᠢᠭᠤᠷ ᠳᠦᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 35.5% ᠪᠠᠷ ᠪᠠᠭᠤᠷᠠᠪᠠ      ᠳᠦᠷᠪᠡ᠂ ᠲᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠳᠠ      ᠪᠦᠬᠦ ᠵᠢᠯ ᠤᠨ ᠪᠦᠬᠦ ᠨᠡᠶᠢᠭᠡᠮ ᠤᠨ ᠳᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠳᠡᠭᠡᠷ᠎ᠡ ᠵᠢᠯ ᠤᠨ ᠬᠢ ᠠᠴᠠ 27.3 % ᠪᠠᠷ ᠪᠠᠭᠤᠷᠠᠪᠠ᠃ ᠡᠭᠦᠨ  ᠳᠤ 500 ᠳᠦᠮᠡᠨ ᠳᠦᠭᠦᠷᠢᠭ ᠠᠴᠠ ᠳᠡᠭᠡᠭᠰᠢᠬᠢ ᠳᠦᠷᠦᠯ ᠵᠦᠢᠯ ᠤᠨ ᠳᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ 27.8% ᠪᠠᠷ ᠪᠠᠭᠤᠷᠠᠪᠠ᠃ ᠠᠷᠠᠳ  ᠤᠨ ᠳᠤᠮᠳᠠᠬᠢ ᠪᠡᠯᠡ ᠤᠷᠤᠭᠤᠯᠤᠯᠳᠠ ᠳᠡᠭᠡᠷ᠎ᠡ ᠵᠢᠯ ᠠᠴᠠ 17.4% ᠪᠠᠷ ᠪᠠᠭᠤᠷᠠᠵᠤ᠂ ᠪᠦᠬᠦ ᠨᠡᠶᠢᠭᠡᠮ ᠤᠨ ᠳᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢᠨ 50.6% ᠶᠢ ᠡᠵᠡᠯᠡᠪᠡ᠃ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠪᠡᠯᠡ ᠤᠷᠤᠭᠤᠯᠤᠯᠳᠠ ᠠᠴᠠ ᠦᠵᠡᠪᠡᠯ᠂ ᠨᠢᠭᠡᠳᠦᠭᠡᠷ ᠠᠵᠤ ᠦᠢᠯᠡᠰ  ᠤᠨ ᠪᠡᠯᠡ ᠤᠷᠤᠭᠤᠯᠤᠯᠳᠠ 24.5% ᠪᠠᠷ ᠪᠠᠭᠤᠷᠠᠵᠤ᠂ ᠬᠤᠶᠠᠳᠤᠭᠠᠷ  ᠠᠵᠤ  ᠦᠢᠯᠡᠰ   ᠤᠨ  ᠪᠡᠯᠡ  ᠤᠷᠤᠭᠤᠯᠤᠯᠳᠠ  19.6% ᠪᠠᠷ ᠪᠠᠭᠤᠷᠠᠵᠤ᠂ ᠭᠤᠷᠪᠠᠳᠤᠭᠠᠷ ᠠᠵᠤ ᠦᠢᠯᠡᠰ ᠤᠨ ᠪᠡᠯᠡ ᠤᠷᠤᠭᠤᠯᠤᠯᠳᠠ 31.6%  ᠪᠠᠷ  ᠪᠠᠭᠤᠷᠠᠪᠠ  ᠃ ᠳᠦᠷᠦᠯ ᠵᠦᠢᠯ ᠤᠨ ᠬᠠᠷᠢᠶᠠᠯᠠᠯ ᠤᠨ ᠬᠠᠷᠢᠴᠠᠭ᠎ᠠ ᠪᠠᠷ ᠬᠤᠪᠢᠶᠠᠪᠠᠯ᠂ ᠤᠷᠤᠨ ᠨᠤᠳᠤᠭ ᠤᠨ ᠳᠦᠷᠦᠯ ᠵᠦᠢᠯ ᠤᠨ ᠪᠡᠯᠡ ᠤᠷᠤᠭᠤᠯᠤᠯᠳᠠ 28.8% ᠪᠠᠷ ᠪᠠᠭᠤᠷᠠᠵᠤ᠂  ᠳᠦᠪ   ᠤᠨ  ᠳᠦᠷᠦᠯ ᠵᠦᠢᠯ ᠤᠨ  ᠪᠡᠯᠡ  ᠤᠷᠤᠭᠤᠯᠤᠯᠳᠠ  1.3% ᠪᠠᠷ ᠨᠡᠮᠡᠭᠳᠡᠪᠡ᠃      ᠪᠦᠬᠦ ᠵᠢᠯ ᠤᠨ ᠭᠡᠷ ᠭᠠᠵᠠᠷ ᠬᠦᠷᠦᠩᠭᠡ ᠶᠢᠨ ᠨᠡᠭᠡᠭᠡᠨ ᠬᠦᠭᠵᠢᠭᠦᠯᠦᠯᠳᠡ ᠶᠢᠨ ᠪᠡᠯᠡ ᠤᠷᠤᠭᠤᠯᠤᠯᠳᠠ ᠶᠢᠨ ᠬᠡᠮᠵᠢᠶ᠎ᠠ 882.9 ᠳ᠋ᠦᠩᠰᠢᠭᠤᠷ ᠳᠦᠭᠦᠷᠢᠭ᠂ ᠳᠡᠭᠡᠷ᠎ᠡ ᠵᠢᠯ ᠤᠨ ᠬᠢ ᠠᠴᠠ 0.8% ᠪᠠᠷ ᠪᠠᠭᠤᠷᠠᠪᠠ︔ ᠬᠤᠳᠠᠯᠳᠤᠭᠠᠨ ᠤ ᠤᠷᠤᠨ ᠰᠠᠭᠤᠴᠠ ᠶᠢᠨ ᠪᠤᠷᠤᠯᠠᠭᠤᠯᠤᠭᠰᠠᠨ ᠳᠠᠯᠠᠪᠠᠢ ᠨᠢ 2007.7 ᠲᠥᠮᠡᠨ ᠳᠡᠭᠰᠢ ᠳᠦᠷᠪᠡᠯᠵᠢᠨ ᠮᠧᠲᠷ᠂ 2.9% ᠪᠠᠷ ᠪᠠᠭᠤᠷᠠᠪᠠ︔ ᠬᠤᠳᠠᠯᠳᠤᠭᠠᠨ ᠤ ᠤᠷᠤᠨ ᠰᠠᠭᠤᠴᠠ ᠶᠢᠨ ᠪᠤᠷᠤᠯᠠᠭᠤᠯᠭ᠎ᠠ ᠶᠢᠨ ᠦᠷᠳᠡᠭ ᠨᠢ 1113.9 ᠳ᠋ᠦᠩᠰᠢᠭᠤᠷ ᠳᠦᠭᠦᠷᠢᠭ᠂ 16.4% ᠪᠠᠷ ᠨᠡᠮᠡᠭᠳᠡᠪᠡ᠃      ᠲᠠᠪᠤ᠂ ᠤᠯᠤᠰ ᠤᠨ ᠳᠤᠳᠤᠭᠠᠳᠤᠬᠢ ᠠᠷᠠᠯᠵᠢᠶ᠎ᠠ      ᠪᠦᠬᠦ ᠵᠢᠯ ᠳᠤ 7311.1 ᠳ᠋ᠦᠡᠭᠰᠢᠭᠤᠷ ᠲᠦᠬᠦᠷᠢᠭ ᠤᠨ ᠨᠡᠶᠢᠭᠡᠮ ᠤᠨ ᠭᠡᠷᠡᠭᠯᠡᠭᠡᠨ ᠤ ᠪᠠᠷᠠᠭ᠎ᠠ ᠶᠢ ᠵᠢᠵᠢᠭᠯᠡᠨ ᠪᠤᠷᠤᠯᠠᠭᠤᠯᠵᠤ᠂ ᠳᠡᠭᠡᠷ᠎ᠡ ᠵᠢᠯ ᠤᠨ ᠬᠢ ᠠᠴᠠ 6.3% ᠪᠠᠷ ᠨᠡᠮᠡᠭᠳᠡᠪᠡ᠃ ᠡᠵᠡᠩᠨᠡᠯᠳᠡ ᠶᠢᠨ ᠨᠢᠭᠡᠴᠢ ᠶᠢᠨ ᠪᠠᠶᠢᠭ᠎ᠠ ᠭᠠᠵᠠᠷ ᠢᠶᠠᠷ ᠬᠤᠪᠢᠶᠠᠪᠠᠯ᠂ ᠬᠤᠳᠠ ᠪᠠᠯᠭᠠᠰᠤᠨ ᠳᠤ 6398.6 ᠳ᠋ᠦᠡᠭᠰᠢᠭᠤᠷ ᠲᠦᠬᠦᠷᠢᠭ ᠤᠨ ᠬᠡᠷᠡᠭᠯᠡᠭᠡᠨ ᠤ ᠪᠠᠷᠠᠭ᠎ᠠ ᠵᠢᠵᠢᠭᠯᠡᠨ ᠪᠤᠷᠤᠯᠠᠭᠤᠯᠵᠦ᠂ 6.1% ᠪᠠᠷ ᠨᠡᠮᠡᠭᠳᠡᠪᠡ︔ ᠬᠦᠳᠡᠭᠡ ᠳᠤᠰᠬᠤᠨ ᠳᠤ 912.5 ᠳ᠋ᠦᠡᠭᠰᠢᠭᠤᠷ ᠲᠦᠬᠦᠷᠢᠭ ᠤᠨ ᠬᠡᠷᠡᠭᠯᠡᠭᠡᠨ ᠤ ᠪᠠᠷᠠᠭ᠎ᠠ ᠵᠢᠵᠢᠭᠯᠡᠨ ᠪᠤᠷᠤᠯᠠᠭᠤᠯᠵᠦ᠂ 8.1% ᠪᠠᠷ ᠨᠡᠮᠡᠭᠳᠡᠪᠡ᠃ ᠭᠡᠷᠡᠭᠯᠡᠭᠡᠨ ᠤ ᠲᠦᠷᠦᠯ ᠵᠦᠢᠯ ᠢᠶᠠᠷ ᠪᠦᠷᠢᠳᠬᠡᠪᠡᠯ᠂ ᠲᠠᠸᠠᠷ ᠤᠨ ᠵᠢᠵᠢᠭᠯᠡᠨ ᠪᠤᠷᠤᠯᠠᠭᠤᠯᠤᠭᠰᠠᠨ ᠦᠷᠳᠡᠭ ᠨᠢ 6207.2 ᠳ᠋ᠦᠡᠭᠰᠢᠭᠤᠷ ᠲᠦᠬᠦᠷᠢᠭ ᠲᠤ ᠬᠦᠷᠴᠤ᠂ 6.0% ᠢᠶᠠᠷ ᠨᠡᠮᠡᠭᠳᠡᠪᠡ︔ ᠢᠳᠡᠭᠡᠨ ᠤᠮᠳᠠᠭᠠᠨ ᠪᠤᠷᠤᠯᠠᠭᠤᠯᠤᠭᠰᠠᠨ ᠤᠷᠤᠯᠭ᠎ᠠ 1103.9 ᠳ᠋ᠦᠡᠭᠰᠢᠭᠤᠷ ᠲᠦᠬᠦᠷᠢᠭ ᠲᠤ ᠬᠦᠷᠴᠤ᠂ 8.0% ᠢᠶᠠᠷ ᠨᠡᠮᠡᠭᠳᠡᠪᠡ᠃
             ᠬᠢᠵᠠᠭᠠᠷᠯᠠᠭᠰᠠᠨ ᠳᠤᠭ᠎ᠠ ᠠᠴᠠ ᠳᠡᠭᠡᠭᠰᠢᠬᠢ ᠠᠵᠤ ᠠᠬᠤᠶᠢᠯᠠᠯ ᠤᠨ ᠲᠠᠸᠠᠷ ᠤᠨ ᠵᠢᠵᠢᠭᠯᠡᠨ ᠪᠤᠷᠤᠯᠠᠭᠤᠯᠤᠯᠳᠠ ᠳᠤ᠂ ᠠᠮᠤ ᠪᠤᠳᠠᠭ᠎ᠠ ᠳᠤᠰᠤ᠂ ᠢᠳᠡᠭᠡᠨ᠂ ᠤᠮᠳᠠᠭᠠᠨ᠂ ᠠᠷᠢᠬᠢ ᠳᠠᠮᠠᠬᠢᠨ ᠤ ᠲᠦᠷᠦᠯ ᠢ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠠ ᠨᠢ ᠳᠡᠭᠡᠷ᠎ᠡ ᠵᠢᠯ ᠤᠨ ᠬᠢ ᠠᠴᠠ 3.5% ᠪᠠᠷ ᠨᠡᠮᠡᠭᠳᠡᠵᠤ᠂ ᠳᠠᠪᠤᠨ ᠵᠦᠢᠯ ᠤᠨ ᠲᠡᠮᠦᠷᠯᠢᠭ᠂ ᠴᠠᠬᠢᠯᠭᠠᠨ ᠤ ᠮᠠᠲ᠋ᠧᠷᠢᠶᠠᠯ ᠤᠨ  ᠲᠦᠷᠦᠯ  ᠢ  ᠵᠢᠵᠢᠭᠯᠡᠨ  ᠪᠤᠷᠤᠯᠠᠭᠤᠯᠤᠭᠰᠠᠨ  ᠶᠡᠷᠦᠩᠬᠡᠢ  ᠬᠡᠮᠵᠢᠶ᠎ᠠ  24.0% ᠪᠠᠷ ᠨᠡᠮᠡᠭᠳᠡᠪᠡ᠂  ᠬᠢᠳᠠᠳ  ᠡᠸᠦ᠋ᠷᠦᠫᠡ  ᠡᠮ   ᠤᠨ ᠵᠦᠢᠯᠡᠰ ᠢ ᠵᠢᠵᠢᠭᠯᠡᠨ  ᠪᠤᠷᠤᠯᠠᠭᠤᠯᠤᠭᠰᠠᠨ  ᠬᠡᠮᠵᠢᠶ᠎ᠠ  12.9% ᠪᠠᠷ ᠨᠡᠮᠡᠭᠳᠡᠵᠤ᠂ ᠴᠢᠯᠠᠭᠤᠨ ᠳᠤᠰᠤ ᠵᠢᠴᠢ ᠴᠢᠯᠠᠭᠤᠨ ᠳᠤᠰᠤᠨ ᠤ ᠦᠢᠯᠡᠳᠬᠦᠨ ᠤ ᠲᠦᠷᠦᠯ ᠢ ᠵᠢᠵᠢᠭᠯᠡᠨ ᠪᠤᠷᠤᠯᠠᠭᠤᠯᠤᠭᠰᠨᠨ ᠬᠡᠮᠵᠢᠶ᠎ᠠ ᠨᠢ 10.4% ᠪᠠᠷ ᠨᠡᠮᠡᠭᠳᠡᠪᠡ᠂ ᠭᠡᠷ ᠤᠨ ᠴᠠᠬᠢᠯᠭᠠᠠ ᠬᠡᠷᠡᠭᠰᠡᠯ ᠪᠠ ᠳᠠᠭᠤᠨ ᠤ ᠮᠠᠰᠢᠨ ᠲᠦᠭᠦᠭᠡᠷᠤᠮᠵᠢ ᠶᠢᠨ ᠲᠦᠷᠦᠯ ᠢ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠠ 2.8% ᠪᠠᠷ ᠨᠡᠮᠡᠭᠳᠡᠪᠡ᠃      ᠵᠢᠷᠭᠤᠭ᠎ᠠ᠂ ᠭᠠᠳᠠᠭᠠᠳᠤ ᠠᠵᠤ ᠠᠬᠤᠢ      ᠪᠦᠭᠦ ᠵᠢᠯ ᠳᠤ ᠪᠤᠭᠤᠮᠳᠠ ᠪᠠᠷ ᠤᠷᠤᠭᠤᠯᠵᠤ ᠭᠠᠷᠭᠠᠭᠰᠡᠨ ᠶᠡᠷᠦᠩᠭᠡᠢ ᠬᠡᠮᠵᠢᠶ᠎ᠠ 1034.4 ᠳ᠋ᠥᠡᠭᠰᠢᠭᠤᠷ ᠲᠥᠬᠦᠷᠢᠭ ︵ᠠᠷᠠᠳ ᠤᠨ ᠵᠤᠭᠤᠰ᠂ ᠳᠤᠷᠤᠭᠰᠢ ᠠᠳᠠᠯᠢ︶ ᠲᠤ ᠬᠦᠷᠴᠤ  ᠂  ᠳᠡᠭᠡᠷ᠎ᠠ  ᠵᠢᠯ   ᠤᠨ  ᠬᠢ  ᠠᠴᠠ  9.9% ᠪᠠᠷ ᠨᠡᠮᠡᠭᠲᠡᠪᠠ᠃ ᠡᠭᠦᠨ ᠳᠤ ᠪᠤᠭᠤᠮᠳᠠ ᠪᠠᠷ ᠭᠠᠷᠭᠠᠭᠰᠡᠨ ᠶᠡᠷᠦᠩᠭᠡᠢ ᠬᠡᠮᠵᠢᠶ᠎ᠠ 378.6 ᠳ᠋ᠦᠩᠰᠢᠭᠤᠷ ᠲᠦᠬᠦᠷᠢᠭ ᠲᠤ ᠬᠦᠷᠴᠤ᠂ 14.4% ᠪᠠᠷ ᠨᠡᠮᠡᠭᠲᠡᠪᠡ︔ ᠪᠤᠭᠤᠮᠳᠠ ᠪᠠᠷ ᠤᠷᠤᠭᠤᠯᠤᠬᠰᠡᠨ ᠶᠡᠷᠦᠩᠭᠡᠢ ᠳᠤᠭ᠎ᠠ 655.7 ᠳ᠋ᠥᠡᠭᠰᠢᠭᠤᠷ ᠳᠦᠬᠦᠷᠢᠭ ᠲᠤ ᠬᠦᠷᠴᠤ᠂ 7.5% ᠪᠠᠷ ᠨᠡᠮᠡᠭᠳᠡᠪᠡ᠃ ᠭᠤᠤᠯ ᠪᠤᠯᠬᠤ ᠠᠷᠠᠯᠵᠢᠶᠠᠨ ᠤ ᠬᠡᠯᠪᠡᠷᠢ ᠠᠴᠠ ᠦᠵᠡᠪᠡᠯ᠂ ᠡᠩ ᠤᠨ ᠠᠷᠠᠯᠵᠢᠶ᠎ᠠ ᠶᠢᠨ ᠪᠤᠭᠤᠮᠳᠠ ᠪᠠᠷ ᠤᠷᠤᠭᠤᠯᠵᠤ ᠭᠠᠳᠠᠭᠠᠳᠤ ᠳᠤ ᠭᠠᠷᠭᠠᠭᠰᠡᠨ ᠬᠡᠮᠵᠢᠶ᠎ᠠ 582.1 ᠳ᠋ᠥᠡᠭᠰᠢᠭᠤᠷ ᠲᠦᠬᠦᠷᠢᠭ ᠲᠤ ᠬᠦᠷᠴᠤ᠂ 8.3% ᠪᠠᠷ ᠨᠡᠮᠡᠭᠳᠡᠵᠤ᠂ ᠪᠤᠭᠤᠮᠳᠠ ᠪᠠᠷ ᠤᠷᠤᠭᠤᠯᠵᠤ ᠭᠠᠷᠭᠠᠭᠰᠡᠨ ᠶᠡᠷᠦᠩᠭᠡᠢ ᠭᠡᠮᠵᠢᠶ᠎ᠠ ᠶᠢᠨ 56.3% ᠶᠢ ᠡᠵᠡᠯᠡᠪᠡ︔ ᠬᠢᠯᠢ ᠶᠢᠨ ᠪᠠᠭ᠎ᠠ ᠬᠡᠮᠵᠢᠶᠠᠨ ᠤ ᠠᠷᠠᠯᠵᠢᠶᠠᠨ ᠤ ᠪᠤᠭᠤᠮᠳᠠ ᠪᠠᠷ ᠤᠷᠤᠭᠤᠯᠵᠤ ᠭᠠᠷᠭᠠᠭᠰᠡᠨ ᠬᠡᠮᠵᠢᠶ᠎ᠠ 317.3 ᠳ᠋ᠦᠡᠭᠰᠢᠭᠤᠷ ᠲᠦᠭᠦᠷᠢᠭ ᠲᠤ ᠬᠦᠷᠴᠤ᠂ 6.1% ᠪᠠᠷ ᠨᠡᠮᠡᠭᠳᠡᠪᠡ︔ ᠡᠳ᠋ᠰᠢᠭᠦᠯᠤᠨ ᠪᠤᠯᠪᠠᠰᠤᠷᠠᠭᠤᠯᠬᠤ ᠠᠷᠠᠯᠵᠢᠶ᠎ᠠ ᠶᠢᠨ ᠪᠤᠭᠤᠮᠳᠠ ᠪᠠᠷ ᠤᠷᠤᠭᠤᠯᠵᠤ ᠭᠠᠷᠭᠠᠭᠰᠡᠨ ᠬᠡᠮᠵᠢᠶ᠎ᠠ 41.3 ᠳ᠋ᠥᠡᠭᠰᠢᠭᠤᠷ ᠲᠦᠬᠦᠷᠢᠭ ᠲᠤ ᠬᠦᠷᠴᠤ᠂ 82.1% ᠪᠠᠷ ᠨᠡᠮᠡᠭᠳᠡᠪᠡ᠃ ︽ᠨᠢᠭᠡ ᠪᠦᠰᠡ ᠨᠢᠭᠡ ᠵᠠᠮ︾ ᠤᠨ ᠱᠤᠭᠤᠮ ᠳᠠᠭᠠᠤ ᠶᠢᠨ ᠤᠯᠤᠰ ᠯᠤᠭ᠎ᠠ ᠶᠢᠨ ᠠᠷᠠᠯᠵᠢᠶᠠᠨ ᠤ ᠳᠤᠭ᠎ᠠ 699.4 ᠳ᠋ᠦᠡᠭᠰᠢᠭᠤᠷ ᠲᠦᠬᠦᠷᠢᠭ ᠲᠤ ᠬᠦᠷᠴᠤ᠂ ᠳᠡᠭᠡᠷ᠎ᠡ ᠵᠢᠯ ᠤᠨ ᠬᠢ ᠠᠴᠠ 14.5% ᠪᠠᠷ ᠨᠡᠮᠡᠭᠳᠡᠪᠡ᠃
             ᠪᠦᠭᠦ ᠵᠢᠯ ᠳᠤ ᠭᠠᠳᠠᠭᠠᠳᠤ ᠶᠢᠨ ᠠᠷᠠᠯᠵᠢᠶᠠᠴᠢᠨ ᠤ ᠰᠢᠭᠤᠳ ᠤᠷᠤᠭᠤᠯᠤᠭᠰᠡᠨ ᠪᠡᠯᠡ ᠮᠦᠡᠭᠭᠦ ᠶᠢ 31.6 ᠳ᠋ᠥᠡᠭᠰᠢᠭᠤᠷ ᠳ᠋ᠤᠯᠯᠠᠷ ᠪᠤᠳᠠᠳᠠᠢ ᠠᠰᠢᠬᠯᠠᠵᠤ᠂ ᠳᠡᠭᠡᠷ᠎ᠡ ᠵᠢᠯ ᠤᠨ ᠬᠢ ᠠᠴᠠ 0.3% ᠪᠠᠷ ᠨᠡᠮᠡᠭᠳᠡᠪᠡ᠃ ᠡᠬᠦᠨ ᠳᠤ ᠦᠢᠯᠡᠳᠭᠡᠯ ᠤᠨ ᠦᠢᠯᠡᠰ 9.2 ᠳ᠋ᠦᠡᠭᠰᠢᠭᠤᠷ ᠳ᠋ᠤᠯᠯᠠᠷ ᠪᠤᠳᠠᠳᠠᠢ ᠠᠰᠢᠬᠯᠠᠵᠤ᠂ 1.2 ᠳᠠᠬᠢᠨ ᠨᠡᠮᠡᠭᠳᠡᠪᠡ᠃ ᠪᠦᠭᠦ ᠵᠢᠯ ᠳᠤ ᠪᠦᠭᠦ ᠤᠷᠤᠨ ᠤ ᠦᠢᠯᠡᠳᠪᠦᠷᠢ ᠬᠤᠳᠠᠯᠳᠤᠭᠠᠨ ᠤ ᠰᠠᠯᠠᠭ᠎ᠠ ᠮᠦᠴᠢᠷ ᠲᠤ ᠳᠠᠩᠰᠠᠯᠠᠭᠤᠯᠤᠭᠰᠡᠨ ᠭᠠᠳᠠᠭᠠᠳᠤ ᠶᠢᠨ ᠠᠷᠠᠯᠵᠢᠶᠠᠴᠢᠨ ᠤ ᠪᠠᠯᠠ ᠤᠷᠤᠭᠤᠯᠤᠭᠰᠠᠨ ᠠᠵᠤ ᠠᠬᠤᠶᠢᠯᠠᠯ 3511 ᠪᠤᠯᠵᠦ᠂ ᠰᠢᠨ᠎ᠠ ᠪᠠᠷ ᠵᠦᠪᠰᠢᠶᠡᠷᠡᠭᠰᠡᠨ ᠭᠠᠳᠠᠭᠠᠳᠤ ᠶᠢᠨ ᠠᠷᠠᠯᠵᠢᠶᠠᠴᠢᠨ ᠤ ᠪᠡᠯᠠ ᠤᠷᠤᠭᠤᠯᠤᠭᠰᠠᠨ ᠠᠵᠤ ᠠᠬᠤᠶᠢᠯᠠᠯ 61 ᠪᠤᠯᠪᠠ᠃      ᠲᠤᠯᠤᠭ᠎ᠠ᠂ ᠵᠠᠮ ᠬᠠᠷᠢᠯᠴᠠᠭ᠎ᠠ᠂ ᠰᠢᠦᠳᠠᠨ ᠬᠤᠯᠪᠤᠭ᠎ᠠ ᠴᠠᠭᠢᠯᠭᠠᠨ ᠬᠤᠯᠪᠤᠭ᠎ᠠ ᠪᠡ ᠵᠢᠭᠤᠯᠴᠢᠯᠠᠯ ᠤᠨ ᠦᠢᠯᠡᠰ      ᠪᠦᠭᠦ ᠵᠢᠯ ᠳᠤ ᠨᠡᠶᠢᠲᠡ  24.8 ᠳ᠋ᠥᠡᠭᠰᠢᠭᠤᠷ ᠲᠤᠨ ᠪᠠᠷᠠᠭ᠎ᠠ ᠵᠦᠭᠡᠭᠡᠪᠦᠷᠢᠯᠡᠵᠤ᠂ ᠳᠡᠭᠡᠷ᠎ᠠ ᠵᠢᠯ ᠤᠨ ᠬᠢ ᠠᠴᠠ 9.0% ᠢᠶᠠᠷ ᠨᠡᠮᠡᠭᠳᠡᠪᠡ᠃ ᠪᠦᠭᠦ ᠵᠢᠯ ᠳᠤ ᠲᠠᠮᠵᠢᠭᠤᠯᠤᠨ ᠵᠦᠭᠡᠭᠡᠪᠦᠷᠢᠯᠡᠭᠰᠡᠨ ᠪᠠᠷᠠᠭᠠᠨ ᠤ ᠭᠡᠮᠵᠢᠶ᠎ᠠ 5644.2 ᠳ᠋ᠥᠡᠭᠰᠢᠭᠤᠷ ᠲᠤᠨ ᠺᠢᠯᠤᠮᠧᠲᠷ ᠲᠤ ᠬᠦᠷᠴᠤ᠂ 8.4% ᠪᠠᠷ ᠨᠡᠮᠡᠭᠳᠡᠪᠡ᠃
             ᠪᠦᠭᠦ ᠵᠢᠯ ᠳᠤ ᠵᠦᠭᠡᠭᠡᠪᠦᠷᠢᠯᠡᠭᠰᠡᠨ ᠠᠶᠠᠨᠴᠢᠨ ᠤ ᠲᠤᠭ᠎ᠠ 14612.9 ᠲᠦᠮᠡᠨ ᠬᠦᠮᠦᠨ ᠳᠤ ᠬᠦᠷᠴᠤ᠂ ᠳᠡᠭᠡᠷ᠎ᠠ ᠵᠢᠯ ᠤᠨ ᠬᠢ ᠠᠴᠠ 9.0% ᠢᠶᠠᠷ ᠪᠠᠭᠤᠷᠠᠪᠡ᠃ ᠠᠶᠠᠨᠴᠢᠳ ᠢ ᠳᠠᠮᠵᠢᠭᠤᠯᠤᠨ ᠵᠦᠭᠡᠭᠡᠪᠦᠷᠢᠯᠡᠭᠰᠡᠨ ᠬᠡᠮᠵᠢᠶ᠎ᠠ 336.7 ᠳ᠋ᠦᠩᠰᠢᠭᠤᠷ ᠬᠦᠮᠦᠨ ᠺᠢᠯᠤᠮᠧᠲᠷ ᠲᠤ ᠬᠦᠷᠴᠦ᠂ 7.2% ᠢᠶᠠᠷ ᠪᠠᠭᠤᠷᠠᠪᠠ᠃
             ᠵᠢᠯ ᠤᠨ ᠡᠴᠤᠰ ᠪᠤᠯᠳᠠᠯ᠎ᠠ ᠪᠦᠬᠦ ᠤᠷᠤᠨ ᠤ ᠠᠷᠠᠳ ᠤᠨ ᠭᠡᠷᠡᠭᠯᠡᠭᠡᠨ ᠤ ᠮᠠᠰᠢᠨ ᠳᠡᠷᠭᠡ 548.0 ᠲᠦᠮᠡ ᠳᠤ ᠬᠦᠷᠴᠤ᠂ ᠳᠡᠭᠡᠷ᠎ᠡ ᠵᠢᠯ ᠤᠨ ᠬᠢ ᠠᠴᠠ 10.0% ᠢᠶᠠᠷ ᠨᠡᠮᠡᠭᠳᠡᠪᠡ︔ ᠡᠬᠦᠨ ᠳᠤ᠂ ᠳᠤᠰ ᠵᠢᠯ ᠳᠤ ᠰᠢᠨ᠎ᠡ ᠪᠠᠷ ᠳᠠᠩᠰᠠᠯᠠᠭᠤᠯᠤᠭᠰᠠᠨ ᠳᠡᠷᠭᠡ 42.8 ᠲᠦᠮᠡ ᠳᠤ ᠬᠦᠷᠪᠡ᠃ ᠵᠢᠯ ᠤᠨ ᠡᠴᠤᠰ ᠪᠤᠯᠳᠠᠯ᠎ᠠ ᠬᠤᠪᠢ ᠬᠦᠮᠦᠨ ᠤ ᠬᠦᠩᠬᠡᠨ ᠮᠠᠰᠢᠨ ᠳᠡᠷᠭᠡ 306.7 ᠲᠦᠮᠡ ᠳᠤ ᠬᠦᠷᠴᠤ᠂ 10.7% ᠪᠠᠷ ᠨᠡᠮᠡᠭᠳᠡᠪᠡ︔ ᠡᠬᠦᠨ ᠳᠤ ᠳᠤᠰ ᠵᠢᠯ ᠳᠤ 22.1 ᠲᠦᠮᠡᠨ ᠮᠠᠰᠢᠨ ᠲᠡᠷᠬᠡ ᠰᠢᠨ᠎ᠡ ᠪᠠᠷ ᠳᠠᠩᠰᠠᠯᠠᠭᠤᠯᠵᠠᠢ᠃      ᠪᠦᠬᠦ ᠵᠢᠯ ᠳᠤ ᠴᠡᠬᠢᠯᠭᠠᠨ ᠬᠤᠯᠪᠤᠭᠠᠨ ᠤ ᠦᠢᠯᠡᠴᠢᠯᠡᠬᠡᠨ ᠤ ᠶᠡᠷᠦᠩᠭᠡᠢ ᠭᠡᠮᠵᠢᠶ᠎ᠠ ︵2015 ᠤᠨ ᠤ ᠲᠤᠭᠳᠠᠭᠰᠡᠨ ᠦᠨ᠎ᠠ ᠪᠠᠷ︶ 1268.8 ᠳ᠋ᠥᠡᠭᠰᠢᠭᠤᠷ ᠲᠦᠭᠦᠷᠢᠭ ᠲᠤ ᠬᠦᠷᠴᠦ᠂  ᠳᠡᠭᠡᠷ᠎ᠠ  ᠵᠢᠯ   ᠤᠨ  ᠬᠢ ᠠᠴᠠ 1.6 ᠳᠠᠬᠢᠨ ᠨᠡᠮᠡᠭᠳᠡᠪᠡ᠃ ᠪᠦᠬᠦ ᠵᠢᠯ ᠳᠤ ᠰᠢᠦᠳᠠᠨ ᠬᠤᠯᠪᠤᠭᠠᠨ ᠤ ᠦᠢᠯᠡᠴᠢᠯᠡᠬᠡᠨ ᠤ ᠶᠡᠷᠦᠩᠭᠡᠢ ᠭᠡᠮᠵᠢᠶ᠎ᠠ ︵2010 ᠤᠨ ᠤ ᠲᠤᠭᠳᠠᠭᠰᠡᠨ ᠦᠨ᠎ᠠ ᠪᠠᠷ︶ 44.4 ᠳ᠋ᠥᠡᠭᠰᠢᠭᠤᠷ ᠲᠦᠭᠦᠷᠢᠭ ᠲᠤ ᠬᠦᠷᠴᠦ᠂ ᠳᠡᠭᠡᠷ᠎ᠠ ᠵᠢᠯ ᠤᠨ ᠬᠢ ᠠᠴᠠ 29.2 ᠳᠠᠬᠢᠨ ᠨᠡᠮᠡᠭᠳᠡᠪᠡ ᠃ ᠲᠦᠷᠭᠡᠨ ᠳᠠᠮᠵᠢᠭᠤᠯᠭ᠎ᠠ ᠶᠢᠨ ᠦᠢᠯᠡᠴᠢᠯᠡᠬᠡᠨ ᠤ  ᠬᠡᠮᠵᠢᠶ᠎ᠡ         15182.3 ᠲᠦᠮᠡᠨ ᠪᠤᠭᠤᠳᠠᠯ ᠬᠦᠷᠴᠤ᠂ 37.6% ᠪᠠᠷ ᠨᠡᠮᠡᠭᠳᠡᠪᠡ︔ ᠲᠦᠷᠭᠡᠨ ᠳᠠᠮᠵᠢᠭᠤᠯᠭ᠎ᠠ ᠶᠢᠨ ᠦᠢᠯᠡᠴᠢᠯᠡᠬᠡᠨ ᠤ ᠤᠷᠤᠯᠭ᠎ᠠ 29.9 ᠳ᠋ᠦᠡᠭᠰᠢᠭᠤᠷ ᠲᠦᠬᠦᠷᠢᠭ ᠲᠤ ᠬᠦᠷᠴᠤ᠂ 24.8% ᠪᠠᠷ ᠨᠡᠮᠡᠭᠳᠡᠪᠡ᠃ ᠵᠢᠯ ᠤᠨ ᠡᠴᠦᠰ ᠪᠤᠯᠳᠠᠯ᠎ᠠ᠂ ᠲᠤᠰ ᠭᠠᠵᠠᠷ ᠤᠨ ᠲᠤᠭᠳᠠᠮᠠᠯ ᠤᠳᠠᠰᠤ ᠶᠢᠨ ᠬᠡᠷᠡᠭᠯᠡᠭᠴᠢ 213.2  ᠲᠦᠮᠡ  ᠪᠤᠯᠵᠤ  ᠂  8.2% ᠢᠶᠠᠷ ᠪᠠᠭᠤᠷᠠᠪᠠ︔ ᠰᠢᠯᠵᠢᠭᠡ ᠤᠳᠠᠰᠦ ᠶᠢᠨ ᠬᠡᠷᠡᠭᠯᠡᠭᠴᠢ 3044.4 ᠲᠦᠮᠡ ᠪᠤᠯᠵᠦ᠂ 7.2% ᠢᠶᠠᠷ ᠨᠡᠮᠡᠭᠳᠡᠪᠡ᠃ ᠡᠬᠦᠨ ᠳᠤ᠂ 4G ᠰᠢᠯᠵᠢᠭᠡ ᠤᠳᠠᠰᠤᠨ ᠤ ᠭᠡᠷᠡᠭᠯᠡᠭᠴᠢ 2230.9 ᠲᠦᠮᠡ ᠬᠦᠷᠴᠤ᠂ 18.6% ᠪᠠᠷ ᠨᠡᠮᠡᠭᠳᠡᠪᠡ᠃ ᠵᠢᠯ ᠤᠨ ᠡᠴᠦᠰ ᠪᠤᠯᠳᠠᠯ᠎ᠠ ᠢᠨᠲ᠋ᠧᠷ ᠰᠦᠯᠵᠢᠶ᠎ᠠ ᠶᠢᠨ ᠬᠡᠷᠡᠭᠯᠡᠭᠴᠢ 3178.6 ᠲᠦᠮᠡ ᠪᠤᠯᠵᠦ᠂ 11.4% ᠪᠠᠷ ᠨᠡᠮᠡᠭᠳᠡᠵᠡᠢ᠃ ᠰᠢᠯᠵᠢᠭᠡ ᠢᠨᠲ᠋ᠧᠷ ᠰᠦᠯᠵᠢᠶ᠎ᠠ ᠶᠢᠨ ᠬᠡᠷᠡᠭᠯᠡᠭᠴᠢ 2550.3 ᠲᠦᠮᠡ ᠳᠤ ᠬᠦᠷᠴᠤ᠂ 8.1% ᠪᠠᠷ ᠨᠡᠮᠡᠭᠳᠡᠪᠡ︔ ᠢᠨᠲ᠋ᠧᠷ ᠰᠦᠯᠵᠢᠶ᠎ᠡ ᠶᠢᠨ ᠦᠷᠭᠡᠨ ᠪᠦᠰᠡ ᠶᠢᠨ ᠬᠡᠷᠡᠭᠯᠡᠭᠴᠢ 628.3 ᠲᠦᠮᠡ ᠳᠤ ᠬᠦᠷᠴᠤ᠂ 27.2% ᠢᠶᠠᠷ ᠨᠡᠮᠡᠭᠳᠡᠪᠡ᠃ ᠰᠢᠯᠵᠢᠭᠡ ᠢᠨᠲ᠋ᠧᠷ ᠰᠦᠯᠵᠢᠶᠡᠨ ᠳᠤ ᠵᠠᠯᠭᠠᠨ ᠤᠷᠤᠭᠤᠯᠤᠭᠰᠠᠨ ᠤᠷᠤᠰᠴᠠ 14.3 ᠳ᠋ᠦᠡᠭᠰᠢᠭᠤᠷ GB ᠳᠤ ᠬᠦᠷᠴᠤ᠂ ᠳᠡᠭᠡᠷ᠎ᠡ ᠵᠢᠯ ᠤᠨ ᠬᠢ ᠠᠴᠠ 2.2 ᠳᠠᠬᠢᠨ ᠨᠡᠮᠡᠭᠳᠡᠪᠡ᠃      ᠪᠦᠬᠦ ᠵᠢᠯ ᠳᠤ ᠵᠢᠭᠤᠯᠴᠢᠯᠠᠭᠴᠢᠳ ᠢ 13044.2 ᠲᠦᠮᠡᠨ ᠬᠦᠮᠦᠨ ᠤᠳᠠᠭ᠎ᠠ ᠬᠦᠯᠢᠶᠡᠨ ᠠᠪᠴᠤ ᠲᠦᠷᠦᠭᠦᠦ ᠵᠢᠯ ᠤᠨ ᠬᠢ ᠠᠴᠠ 12.0% ᠢᠶᠠᠷ ᠨᠡᠮᠡᠭᠳᠡᠪᠡ︔ ᠵᠢᠭᠤᠯᠴᠢᠯᠠᠯ ᠤᠨ ᠶᠡᠷᠦᠩᠬᠡᠢ ᠤᠷᠤᠯᠭ᠎ᠠ 4011.4 ᠳ᠋ᠦᠩᠰᠢᠭᠤᠷ ᠲᠦᠭᠦᠷᠢᠭ ᠲᠤ ᠬᠦᠷᠴᠦ᠂ ᠳᠡᠭᠡᠷ᠎ᠠ ᠵᠢᠯ ᠤᠨ ᠬᠢ ᠠᠴᠠ 16.6% ᠪᠠᠷ ᠨᠡᠮᠡᠭᠳᠡᠵᠡᠢ ᠃ ᠡᠭᠦᠨ ᠳᠤ ᠤᠯᠤᠰ ᠤᠨ ᠲᠤᠳᠤᠭᠠᠳᠤ ᠶᠢᠨ ᠵᠢᠭᠤᠯᠴᠢᠯᠠᠭᠴᠢᠳ ᠢ 12856.1 ᠲᠦᠮᠡᠨ ᠬᠦᠮᠦᠨ ᠤᠳᠠᠭ᠎ᠠ ᠬᠦᠯᠢᠶᠡᠨ ᠠᠪᠴᠦ᠂ 12.2% ᠢᠶᠠᠷ ᠨᠡᠮᠡᠭᠳᠡᠪᠡ᠃ ᠤᠯᠤᠰ ᠤᠨ ᠲᠤᠳᠤᠭᠠᠳᠤ ᠶᠢᠨ ᠳᠤᠲᠤᠭᠠᠳᠤ ᠶᠢᠨ ᠵᠢᠭᠤᠯᠴᠢᠯᠠᠯ ᠤᠨ ᠤᠷᠤᠯᠭ᠎ᠠ 3924.0 ᠳ᠋ᠦᠩᠰᠢᠭᠤᠷ ᠲᠦᠭᠦᠷᠢᠭ ᠲᠤ ᠬᠦᠷᠴᠦ᠂ 16.8% ᠪᠠᠷ ᠨᠡᠮᠡᠭᠳᠡᠪᠡ᠃ ᠬᠢᠯᠢ ᠶᠢᠨ ᠭᠠᠳᠠᠨᠠᠬᠢ ᠵᠢᠭᠤᠯᠴᠢᠯᠠᠭᠴᠢᠳ ᠢ 188.1 ᠲᠦᠮᠡᠨ ᠬᠦᠮᠦᠨ ᠤᠳᠠᠭ᠎ᠠ ᠬᠦᠯᠢᠶᠡᠨ ᠠᠪᠴᠤ᠂ 1.8% ᠪᠠᠷ ᠨᠡᠮᠡᠭᠳᠡᠪᠡ︔ ᠬᠢᠯᠢ ᠶᠢᠨ ᠭᠠᠳᠠᠨᠠᠬᠢ ᠵᠢᠭᠤᠯᠴᠢᠯᠠᠭᠴᠢᠳ ᠠᠴᠠ 12.7 ᠳ᠋ᠦᠩᠰᠢᠭᠤᠷ ᠳ᠋ᠤᠯᠯᠠᠷ ᠤᠨ ᠭᠠᠳᠠᠭᠠᠳᠤ ᠭᠤᠪᠢᠭᠤᠯᠭ᠎ᠠ ᠤᠯᠵᠤ᠂ 2.1% ᠪᠠᠷ ᠨᠡᠮᠡᠭᠳᠡᠭᠰᠡᠨ ᠪᠠᠶᠢᠨ᠎ᠠ᠃      ᠨᠠᠢᠮᠠ᠂ ᠡᠳ᠋ ᠤᠨ ᠵᠠᠰᠠᠭ᠂ ᠮᠦᠩᠭᠦᠨ ᠭᠦᠢᠯᠭᠡᠭᠡ ᠪᠤᠯᠤᠨ ᠲᠠᠭᠠᠳᠬᠠᠯ      ᠪᠦᠬᠦ ᠵᠢᠯ ᠤᠨ ᠡᠩ ᠤᠨ ᠤᠯᠠᠨ ᠨᠡᠶᠢᠲᠡ ᠶᠢᠨ ᠲᠦᠰᠦᠪ ᠤᠨ ᠤᠷᠤᠯᠭ᠎ᠠ 1857.5 ᠳ᠋ᠦᠩᠰᠢᠭᠤᠷ ᠲᠦᠭᠦᠷᠢᠭ ᠲᠤ ᠬᠦᠷᠴᠦ᠂ ᠳᠡᠭᠡᠷ᠎ᠠ ᠵᠢᠯ ᠤᠨ ᠬᠢ ᠠᠴᠠ 9.1% ᠪᠠᠷ ᠨᠡᠮᠡᠭᠳᠡᠪᠡ︔ ᠪᠦᠬᠦ ᠵᠢᠯ ᠤᠨ ᠡᠩ ᠤᠨ ᠤᠯᠠᠨ ᠨᠡᠶᠢᠲᠡ ᠶᠢᠨ ᠲᠦᠰᠦᠪ ᠤᠨ ᠵᠠᠷᠤᠯᠭ᠎ᠠ 4806.3 ᠳ᠋ᠦᠩᠰᠢᠭᠤᠷ ᠲᠦᠬᠦᠷᠢᠭ ᠲᠤ ᠬᠦᠷᠴᠦ᠂ ᠲᠡᠭᠡᠷ᠎ᠠ ᠵᠢᠯ ᠤᠨ ᠬᠢ ᠠᠴᠠ 6.1% ᠪᠠᠷ ᠨᠡᠮᠡᠭᠳᠡᠪᠡ᠃ ᠬᠤᠰᠢᠭᠤ ᠰᠢᠶᠠᠨ ᠬᠤᠪᠢᠶᠠᠵᠤ ᠦᠵᠡᠪᠡᠯ᠂ ᠪᠦᠬᠦ ᠤᠷᠤᠨ ᠤ 103 ᠬᠤᠰᠢᠭᠤ ᠰᠢᠶᠠᠨ ᠤ ᠲᠤᠳᠤᠷ᠎ᠠ᠂ ᠡᠩ ᠤᠨ ᠤᠯᠠᠨ ᠨᠡᠶᠢᠲᠡ ᠶᠢᠨ ᠲᠦᠰᠦᠪ ᠤᠨ ᠤᠷᠤᠯᠭ᠎ᠠ 70 ᠳ᠋ᠦᠩᠰᠢᠭᠤᠷ ᠲᠦᠭᠦᠷᠢᠭ ᠢ ᠲᠠᠪᠠᠭᠰᠠᠨ ᠨᠢ 2 ᠪᠤᠢ᠂ 20 ᠳ᠋ᠦᠩᠰᠢᠭᠤᠷ ᠲᠦᠭᠦᠷᠢᠭ ᠢ ᠲᠠᠪᠠᠭᠰᠠᠨ ᠨᠢ 11 ᠪᠠᠶᠢᠵᠤ᠂ 10 ᠳ᠋ᠦᠩᠰᠢᠭᠤᠷ ᠲᠦᠭᠦᠷᠢᠭ ᠢ ᠲᠠᠪᠠᠭᠰᠠᠨ ᠨᠢ 31 ᠪᠤᠢ᠃ ᠡᠳ᠋ ᠤᠨ ᠵᠠᠰᠠᠭ ᠠᠴᠠ ᠪᠦᠬᠦ ᠤᠷᠤᠨ ᠤ ᠠᠷᠠᠳ ᠤᠨ ᠠᠮᠢᠳᠤᠷᠠᠯ ᠳᠤ 3369.9 ᠳ᠋ᠦᠩᠰᠢᠭᠤᠷ ᠲᠦᠭᠦᠷᠢᠭ ᠵᠠᠷᠤᠴᠠᠭᠤᠯᠵᠤ᠂ ᠡᠩ ᠤᠨ ᠤᠯᠠᠨ ᠨᠡᠶᠢᠲᠡ ᠶᠢᠨ ᠲᠦᠰᠦᠪ ᠤᠨ ᠵᠠᠷᠤᠯᠭ᠎ᠠ ᠶᠢᠨ 70.1% ᠶᠢ ᠡᠵᠡᠯᠡᠵᠦ᠂ ᠲᠡᠭᠡᠷ᠎ᠡ ᠵᠢᠯ   ᠤᠨ  ᠬᠢ  ᠠᠴᠠ  ᠵᠠᠭᠤᠨ   ᠤ  ᠬᠠᠷᠢᠴᠠᠯ  ᠢᠶᠠᠷ  0.2 ᠨᠡᠮᠡᠭᠳᠡᠪᠡ︔ ᠡᠯ᠎ᠡ ᠱᠠᠳᠤᠨ ᠤ ᠡᠳ᠋ ᠤᠨ ᠵᠠᠰᠠᠭ ᠤᠨ ᠶᠠᠳᠠᠭᠤ ᠶᠢ ᠲᠡᠳᠭᠦᠬᠦ ᠪᠡᠯᠡ ᠤᠷᠤᠭᠤᠯᠤᠯᠲᠠ 147.9 ᠳ᠋ᠦᠩᠰᠢᠭᠤᠷ ᠲᠦᠭᠦᠷᠢᠭ ᠲᠤ ᠬᠦᠷᠴᠦ᠂ 21.6% ᠪᠠᠷ ᠨᠡᠮᠡᠭᠳᠡᠪᠡ᠃      ᠵᠢᠯ ᠤᠨ ᠡᠴᠦᠰ ᠪᠤᠯᠳᠠᠯ᠎ᠠ ᠪᠦᠬᠦ ᠤᠷᠤᠨ ᠤ ᠮᠦᠡᠭᠭᠦᠨ ᠭᠦᠢᠯᠭᠡᠭᠡᠨ ᠤ ᠪᠠᠶᠢᠭᠤᠯᠤᠮᠵᠢ ᠳᠤ ᠬᠠᠳᠠᠭᠠᠯᠠᠭᠰᠠᠨ ᠠᠷᠠᠳ ᠤᠨ ᠵᠤᠭᠤᠰᠤᠨ ᠤ ᠦᠯᠡᠳᠡᠪᠦᠷᠢ ᠳᠤᠭ᠎ᠠ 23261.4 ᠳ᠋ᠦᠩᠰᠢᠭᠤᠷ ᠲᠦᠭᠦᠷᠢᠭ ᠪᠠᠶᠢᠵᠤ᠂ ᠵᠢᠯ ᠤᠨ ᠡᠬᠢᠨ ᠤ ᠠᠴᠠ ᠪᠠᠨ 308.6 ᠳ᠋ᠦᠩᠰᠢᠭᠤᠷ ᠲᠦᠭᠦᠷᠢᠭ ᠨᠡᠮᠡᠭᠳᠡᠨ᠂ ᠲᠡᠭᠡᠷ᠎ᠡ  ᠵᠢᠯ   ᠤᠨ  ᠰᠡᠭᠦᠯᠴᠢ   ᠶᠢᠨ ᠠᠴᠠ  1.3% ᠪᠠᠷ ᠨᠡᠮᠡᠭᠳᠡᠵᠡᠢ᠃ ᠡᠭᠦᠨ ᠳᠤ᠂ ᠤᠷᠤᠨ ᠰᠠᠭᠤᠴᠠ ᠶᠢᠨ ᠬᠠᠳᠠᠭᠠᠯᠠᠮᠵᠢ 11966.1 ᠳ᠋ᠦᠩᠰᠢᠭᠤᠷ ᠲᠦᠭᠦᠷᠢᠭ ᠪᠠᠶᠢᠵᠤ᠂  ᠵᠢᠯ   ᠤᠨ  ᠡᠬᠢᠨ   ᠤ  ᠠᠴᠠ  ᠪᠠᠨ  1232.8  ᠳ᠋ᠦᠩᠰᠢᠭᠤᠷ  ᠲᠦᠭᠦᠷᠢᠭ  ᠨᠡᠮᠡᠭᠳᠡᠨ  ᠂  11.5% ᠪᠠᠷ ᠨᠡᠮᠡᠭᠳᠡᠵᠡᠢ︔ ᠮᠦᠡᠭᠭᠦᠨ ᠭᠦᠢᠯᠭᠡᠭᠡᠨ ᠤ ᠪᠤᠰᠤ ᠠᠵᠤ ᠠᠬᠤᠶᠢᠯᠠᠯ ᠤᠨ ᠬᠠᠳᠠᠭᠠᠯᠠᠮᠵᠢ 6222.6 ᠳ᠋ᠦᠩᠰᠢᠭᠤᠷ ᠲᠦᠭᠦᠷᠢᠭ ᠲᠤ ᠬᠦᠷᠴᠦ᠂ ᠵᠢᠯ ᠤᠨ ᠡᠬᠢᠨ ᠤ ᠠᠴᠠ ᠪᠠᠨ 497.9 ᠳ᠋ᠦᠩᠰᠢᠭᠤᠷ ᠲᠦᠭᠦᠷᠢᠭ ᠬᠠᠰᠤᠭᠳᠠᠨ᠂ 7.8% ᠪᠠᠷ ᠬᠠᠰᠤᠭᠳᠠᠪᠠ︔ ᠲᠡᠯᠭᠡᠷᠡᠩᠭᠦᠢ ᠤᠳᠬ᠎ᠠ ᠶᠢᠨ ᠵᠠᠰᠠᠭ ᠤᠨ ᠤᠷᠳᠤᠨ ᠤ ᠬᠠᠳᠠᠭᠠᠯᠠᠮᠵᠢ 4427.8 ᠳ᠋ᠦᠩᠰᠢᠭᠤᠷ ᠲᠦᠭᠦᠷᠢᠭ ᠪᠠᠶᠢᠵᠤ᠂ ᠵᠢᠯ ᠤᠨ ᠡᠬᠢᠨ ᠤ ᠠᠴᠠ 116.9 ᠳ᠋ᠦᠩᠰᠢᠭᠤᠷ ᠲᠦᠭᠦᠷᠢᠭ ᠨᠡᠮᠡᠭᠳᠡᠵᠦ᠂ 3.3% ᠪᠠᠷ ᠨᠡᠮᠡᠭᠳᠡᠪᠡ᠃ ᠵᠢᠯ ᠤᠨ ᠡᠴᠦᠰ ᠪᠤᠯᠳᠠᠯ᠎ᠠ ᠪᠦᠬᠦ ᠣᠷᠣᠨ ᠤ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰᠤᠨ ᠤ ᠵᠢᠭᠡᠯᠡᠯᠭᠡ ᠶᠢᠨ ᠦᠯᠡᠳᠡᠪᠦᠷᠢ ᠲᠤᠭ᠎ᠠ 22085.2 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠠᠴᠠ 608.2 ᠳ᠋ᠦᠩᠰᠢᠭᠤᠷ ᠲᠥᠭᠦᠷᠢᠭ ᠨᠡᠮᠡᠭᠳᠡᠵᠦ᠂ 2.9% ᠪᠠᠷ ᠨᠡᠮᠡᠭᠳᠡᠪᠡ︔ ᠡᠭᠦᠨ ᠳᠤ᠂ ᠰᠠᠭᠤᠭᠠᠯᠢ ᠡᠷᠦᠬᠡ ᠶᠢᠨ ᠵᠢᠭᠡᠯᠡᠯᠭᠡ ᠶᠢᠨ ᠦᠯᠡᠳᠡᠪᠦᠷᠢ ᠲᠤᠭ᠎ᠠ 58378.8 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ  ᠡᠬᠢᠨ  ᠠᠴᠠ 620.5  ᠳ᠋ᠦᠩᠰᠢᠭᠤᠷ  ᠲᠥᠭᠦᠷᠢᠭ  ᠨᠡᠮᠡᠭᠳᠡᠨ  11.8% ᠪᠠᠷ ᠨᠡᠮᠡᠭᠳᠡᠪᠡ︔ ᠮᠦᠩᠬᠦᠨ ᠭᠦᠢᠯᠭᠡᠭᠡᠨ ᠤ ᠪᠤᠰᠤ ᠠᠵᠦ ᠠᠬᠤᠶᠢᠯᠠᠯ ᠵᠢᠴᠢ ᠠᠯᠪᠠᠨ ᠪᠠᠶᠢᠭᠤᠯᠭ᠎ᠠ ᠨᠡᠶᠢᠭᠡᠮ ᠤᠨ ᠪᠦᠯᠭᠦᠮ ᠤᠨ ᠵᠢᠬᠡᠯᠡᠯᠬᠡ ᠶᠢᠨ ᠦᠯᠡᠳᠡᠪᠦᠷᠢ ᠳᠤᠭ᠎ᠠ 16240.3 ᠳ᠋ᠦᠩᠰᠢᠭᠤᠷ ᠳᠦᠭᠦᠷᠢᠭ ᠲᠤ ᠬᠦᠷᠴᠦ᠂ ᠳᠡᠭᠡᠷ᠎ᠠ ᠵᠢᠯ ᠤᠨ ᠬᠢ ᠲᠠᠢ ᠪᠠᠨ ᠦᠨᠳᠦᠰᠦᠨ ᠳᠤ ᠪᠠᠨ ᠠᠳᠠᠯᠢ ᠪᠠᠶᠢᠨ᠎ᠠ᠃      ᠵᠢᠯ ᠤᠨ ᠡᠴᠦᠰ ᠪᠤᠯᠲᠠᠯ᠎ᠠ ᠪᠦᠬᠦ ᠤᠷᠤᠨ ᠤ ᠲᠠᠭᠠᠳᠬᠠᠯ ᠤᠨ ᠪᠠᠶᠢᠭᠤᠯᠤᠮᠵᠢ ᠨᠡᠶᠢᠲᠡ 2897 ᠪᠠᠶᠢᠵᠤ᠂ ᠳᠡᠭᠡᠷ᠎ᠠ ᠵᠢᠯ ᠤᠨ ᠬᠢ ᠠᠴᠠ 71 ᠨᠡᠮᠡᠭᠳᠡᠪᠡ᠃ ᠪᠦᠬᠦ ᠵᠢᠯ ᠤᠨ ᠲᠠᠭᠠᠳᠬᠠᠯ ᠤᠨ ᠦᠢᠯᠡᠰ ᠤᠨ ᠲᠤᠬᠠᠶᠢᠯᠠᠭᠰᠠᠨ ᠠᠵᠢᠯ ᠤᠨ ᠲᠠᠭᠠᠳᠬᠠᠯ ᠤᠨ ᠰᠦᠢᠳᠭᠡᠯ ᠤᠨ  ᠤᠷᠤᠯᠭ᠎ᠠ  659.5  ᠳ᠋ᠦᠩᠰᠢᠭᠤᠷ  ᠲᠦᠭᠦᠷᠢᠭ  ᠪᠠᠶᠢᠵᠤ  ᠂  15.7% ᠪᠠᠷ ᠨᠡᠮᠡᠭᠳᠡᠪᠡ᠃ ᠪᠦᠬᠦ ᠵᠢᠯ ᠳᠤ ᠲᠠᠭᠠᠳᠬᠠᠯ ᠤᠨ ᠦᠢᠯᠡᠰ ᠤᠨ ᠲᠦᠯᠦᠪᠦᠷᠢ ᠶᠢᠨ ᠵᠠᠷᠤᠯᠭ᠎ᠠ ᠨᠡᠶᠢᠲᠡ 193.3 ᠳ᠋ᠦᠩᠰᠢᠭᠤᠷ ᠲᠦᠭᠦᠷᠢᠭ ᠲᠤ ᠬᠦᠷᠴᠦ᠂ 3.6% ᠪᠠᠷ ᠨᠡᠮᠡᠭᠳᠡᠪᠡ᠃ ᠪᠦᠬᠦ ᠵᠢᠯ ᠳᠤ ᠠᠮᠢ ᠨᠠᠰᠤᠨ ᠤ ᠲᠠᠭᠠᠳᠬᠠᠯ ᠤᠨ ᠤᠭ ᠲᠠᠭᠠᠳᠬᠠᠯ ᠤᠨ ᠤᠷᠤᠯᠭ᠎ᠠ 351.9 ᠳ᠋ᠦᠩᠰᠢᠭᠤᠷ ᠲᠦᠭᠦᠷᠢᠭ ᠲᠤ ᠬᠦᠷᠴᠦ᠂ ᠲᠦᠯᠦᠪᠦᠷᠢ ᠶᠢᠨ ᠵᠠᠷᠤᠯᠭ᠎ᠠ ᠨᠡᠶᠢᠲᠡ 57.6 ᠳ᠋ᠦᠩᠰᠢᠭᠤᠷ ᠲᠦᠭᠦᠷᠢᠭ ᠲᠤ ᠬᠦᠷᠪᠡ᠃ ᠪᠦᠬᠦ ᠵᠢᠯ ᠳᠤ ᠲᠠᠷᠢᠶᠠᠯᠠᠩ ᠤᠨ ᠲᠠᠭᠠᠳᠬᠠᠯ ᠤᠨ ᠤᠭ ᠲᠠᠭᠠᠳᠬᠠᠯ ᠤᠨ ᠤᠷᠤᠯᠭ᠎ᠠ 35.5 ᠳ᠋ᠦᠩᠰᠢᠭᠤᠷ ᠲᠦᠭᠦᠷᠢᠭ ᠲᠤ ᠬᠦᠷᠴᠦ᠂ ᠲᠦᠯᠦᠪᠦᠷᠢ ᠶᠢᠨ ᠵᠠᠷᠤᠯᠭ᠎ᠠ ᠨᠡᠶᠢᠲᠡ 24.6 ᠳ᠋ᠦᠩᠰᠢᠭᠤᠷ ᠲᠤ ᠬᠦᠷᠪᠡ᠃      ᠶᠢᠰᠦ᠂ ᠠᠷᠠᠳ ᠤᠨ ᠠᠮᠢᠳᠤᠷᠠᠯ ᠬᠢᠬᠡᠳ ᠨᠡᠶᠢᠭᠡᠮ ᠤᠨ ᠪᠠᠲᠤᠯᠠᠭ᠎ᠠ      ᠪᠦᠬᠦ ᠵᠢᠯ ᠳᠤ ᠪᠦᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 28376 ᠲᠥᠭᠦᠷᠢᠭ ᠲᠤ ᠬᠦᠷᠴᠦ᠂ ᠲᠡᠭᠡᠷ᠎ᠡ ᠵᠢᠯ ᠤᠨ ᠬᠢ ᠠᠴᠠ 8.3% ᠪᠠᠷ ᠨᠡᠮᠡᠭᠳᠡᠵᠦ᠂ ᠦᠨ᠎ᠡ ᠬᠠᠩᠰᠢ ᠶᠢᠨ ᠡᠯᠧᠮᠧᠨ᠋ᠲ ᠢ ᠭᠠᠷᠭᠠᠪᠠᠯ ᠪᠣᠳᠠᠲᠠᠢ ᠪᠠᠷ 6.4% ᠪᠠᠷ ᠨᠡᠮᠡᠭᠳᠡᠪᠡ᠃ ᠪᠦᠬᠦ ᠰᠠᠭᠤᠭᠠᠯᠢ ᠠᠷᠠᠳ  ᠤᠨ ᠬᠥᠮᠦᠨ ᠲᠤᠮᠳᠠᠴᠢ ᠶᠢᠨ ᠠᠮᠢᠳᠤᠷᠠᠯ ᠤᠨ ᠬᠡᠷᠡᠭᠯᠡᠭᠡᠨ ᠤ ᠵᠠᠷᠤᠯᠭ᠎ᠠ 19665 ᠲᠥᠭᠦᠷᠢᠭ ᠲᠤ ᠬᠦᠷᠴᠦ᠂ 3.8% ᠪᠠᠷ ᠨᠡᠮᠡᠭᠳᠡᠪᠡ᠃
             ᠪᠠᠶᠢᠩᠭᠤ ᠰᠠᠭᠤᠭ᠎ᠠ ᠭᠠᠵᠠᠷ ᠣᠷᠣᠨ ᠢᠶᠠᠷ ᠬᠤᠪᠢᠶᠠᠪᠠᠯ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ 38305 ᠲᠥᠭᠦᠷᠢᠭ  ᠲᠤ  ᠬᠦᠷᠴᠦ  ᠂ ᠳᠡᠭᠡᠷ᠎ᠡ ᠵᠢᠯ ᠤᠨ ᠬᠢ ᠠᠴᠠ 7.4% ᠪᠠᠷ ᠨᠡᠮᠡᠭᠳᠡᠵᠦ᠂ ᠦᠨ᠎ᠡ ᠬᠠᠩᠰᠢ ᠶᠢᠨ ᠡᠯᠧᠮᠧᠨ᠋ᠲ ᠢ ᠭᠠᠷᠭᠠᠪᠠᠯ ᠪᠣᠳᠠᠲᠠᠢ ᠪᠠᠷ 5.5% ᠪᠠᠷ ᠨᠡᠮᠡᠭᠳᠡᠪᠡ᠃ ᠭᠤᠣᠯ ᠣᠷᠣᠯᠭ᠎ᠠ ᠶᠢᠨ ᠪᠦᠲᠦᠴᠡ ᠠᠴᠠ ᠠᠪᠴᠦ ᠦᠵᠡᠪᠡᠯ᠂ ᠴᠠᠯᠢᠩ ᠤᠨ ᠴᠢᠨᠠᠷᠲᠠᠢ ᠣᠷᠣᠯᠭ᠎ᠠ 23302 ᠲᠥᠭᠦᠷᠢᠭ ᠲᠤ ᠬᠦᠷᠴᠦ᠂ 7.3% ᠪᠠᠷ ᠨᠡᠮᠡᠭᠳᠡᠪᠡ︔ ᠡᠵᠡᠩᠨᠡᠯᠲᠡ ᠶᠢᠨ ᠴᠡᠪᠡᠷ ᠣᠷᠣᠯᠭ᠎ᠠ 7128 ᠲᠥᠭᠦᠷᠢᠭ ᠲᠤ ᠬᠦᠷᠴᠦ᠂ 12.3% ᠪᠠᠷ ᠨᠡᠮᠡᠭᠳᠡᠪᠡ︔ ᠡᠳ᠋ ᠬᠥᠷᠥᠩᠭᠡ ᠶᠢᠨ ᠴᠡᠪᠡᠷ ᠣᠷᠣᠯᠭ᠎ᠠ 2070 ᠲᠥᠭᠦᠷᠢᠭ ᠲᠤ ᠬᠦᠷᠴᠦ᠂ 13.5% ᠪᠠᠷ ᠨᠡᠮᠡᠭᠳᠡᠪᠡ︔ ᠰᠢᠯᠵᠢᠭᠦᠯᠦᠭᠰᠡᠨ ᠴᠡᠪᠡᠷ ᠣᠷᠣᠯᠭ᠎ᠠ 5805 ᠲᠥᠭᠦᠷᠢᠭ ᠲᠤ ᠬᠦᠷᠴᠦ᠂ 0.3% ᠪᠠᠷ ᠨᠡᠮᠡᠭᠳᠡᠵᠡᠢ᠃ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠠᠮᠢᠳᠤᠷᠠᠯ ᠤᠨ ᠬᠡᠷᠡᠭᠯᠡᠭᠡᠨ ᠤ ᠵᠠᠷᠤᠯᠭ᠎ᠠ 24437 ᠲᠥᠭᠦᠷᠢᠭ ᠲᠤ ᠬᠦᠷᠴᠦ᠂ 3.4% ᠪᠠᠷ ᠨᠡᠮᠡᠭᠳᠡᠪᠡ᠃ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 13803 ᠲᠥᠭᠦᠷᠢᠭ ᠪᠠᠶᠢᠵᠤ᠂ ᠲᠡᠭᠡᠷ᠎ᠡ ᠵᠢᠯ ᠤᠨ ᠬᠢ ᠠᠴᠠ 9.7% ᠪᠠᠷ ᠨᠡᠮᠡᠭᠳᠡᠵᠦ᠂ ᠦᠨ᠎ᠡ ᠬᠠᠩᠰᠢ ᠶᠢᠨ ᠡᠯᠧᠮᠧᠨ᠋ᠲ ᠢ ᠭᠠᠷᠭᠠᠪᠠᠯ ᠪᠣᠳᠠᠲᠠᠢ ᠪᠠᠷ 7.7% ᠪᠠᠷ ᠨᠡᠮᠡᠭᠳᠡᠪᠡ᠃ ᠭᠤᠣᠯ ᠣᠷᠣᠯᠭ᠎ᠠ ᠶᠢᠨ ᠪᠦᠲᠦᠴᠡ ᠠᠴᠠ ᠦᠵᠡᠪᠡᠯ᠂ ᠴᠠᠯᠢᠩ ᠤᠨ ᠴᠢᠨᠠᠷᠲᠠᠢ ᠣᠷᠣᠯᠭ᠎ᠠ 2897 ᠲᠥᠭᠦᠷᠢᠭ ᠲᠤ ᠬᠦᠷᠴᠦ᠂ 9.3% ᠪᠠᠷ ᠨᠡᠮᠡᠭᠳᠡᠪᠡ︔ ᠡᠵᠡᠩᠨᠡᠯᠲᠡ ᠶᠢᠨ ᠴᠡᠪᠡᠷ ᠣᠷᠣᠯᠭ᠎ᠠ 7181 ᠲᠥᠭᠦᠷᠢᠭ ᠲᠤ ᠬᠦᠷᠴᠦ᠂ 12.5% ᠪᠠᠷ ᠨᠡᠮᠡᠭᠳᠡᠵᠡᠢ᠃ ᠡᠳ᠋ ᠬᠥᠷᠥᠩᠭᠡ ᠶᠢᠨ ᠴᠡᠪᠡᠷ ᠣᠷᠣᠯᠭ᠎ᠠ 520 ᠲᠥᠭᠦᠷᠢᠭ ᠲᠤ ᠬᠦᠷᠴᠦ᠂ 1.1% ᠪᠠᠷ ᠨᠡᠮᠡᠭᠳᠡᠪᠡ︔ ᠰᠢᠯᠵᠢᠭᠦᠯᠦᠭᠰᠡᠨ ᠴᠡᠪᠡᠷ ᠣᠷᠣᠯᠭ᠎ᠠ 3205 ᠲᠥᠭᠦᠷᠢᠭ ᠲᠤ ᠬᠦᠷᠴᠦ᠂ 5.6% ᠪᠠᠷ ᠨᠡᠮᠡᠭᠳᠡᠵᠡᠢ᠃ ᠮᠠᠯᠵᠢᠬᠤ ᠲᠠᠷᠢᠶᠠᠯᠠᠬᠤ ᠣᠷᠣᠨ ᠳᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠠᠮᠢᠳᠤᠷᠠᠯ ᠤᠨ ᠬᠡᠷᠡᠭᠯᠡᠭᠡᠨ ᠤ ᠵᠠᠷᠤᠯᠭ᠎ᠠ 12661 ᠲᠥᠭᠦᠷᠢᠭ ᠪᠠᠶᠢᠵᠤ᠂ 3.9% ᠪᠠᠷ ᠨᠡᠮᠡᠭᠳᠡᠪᠡ᠃  ᠪᠦᠬᠦ  ᠰᠠᠭᠤᠭᠠᠯᠢ  ᠠᠷᠠᠳ   ᠤᠨ  ᠡᠩᠭᠧᠷ   ᠤᠨ  ᠵᠢᠭᠠᠯᠲᠠ  ᠲᠤᠭ᠎ᠠ  ᠨᠢ  27.1 % ᠳᠤ ᠬᠦᠷᠴᠦ᠂ ᠳᠡᠭᠡᠷ᠎ᠡ ᠵᠢᠯ ᠤᠨ ᠬᠢ ᠠᠴᠠ ᠵᠠᠭᠤᠨ ᠤ ᠬᠠᠷᠢᠴᠠᠯ ᠢᠶᠠᠷ 0.4 ᠬᠤᠪᠢ ᠪᠠᠭᠤᠷᠠᠵᠠᠢ᠃ ᠡᠭᠦᠨ ᠤ ᠳᠣᠲᠣᠷ᠎ᠠ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠭᠡᠷ ᠪᠦᠯᠢ ᠶᠢᠨ ᠡᠩᠭᠧᠷ ᠤᠨ ᠵᠢᠭᠠᠯᠲᠠ ᠲᠤᠭ᠎ᠠ ᠨᠢ 26.9% ᠳᠤ ᠬᠦᠷᠴᠦ᠂ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠭᠡᠷ ᠪᠦᠯᠢ ᠶᠢᠨ ᠡᠩᠭᠧᠷ ᠤᠨ ᠵᠢᠭᠠᠯᠲᠠ ᠲᠤᠭ᠎ᠠ ᠨᠢ 27.5% ᠳᠤ ᠬᠦᠷᠴᠦ᠂ ᠲᠤᠰ ᠪᠦᠷᠢ ᠳᠡᠭᠡᠷ᠎ᠡ ᠵᠢᠯ ᠤᠨ ᠬᠢ ᠠᠴᠠ 0.5 ᠬᠤᠪᠢ ᠪᠠ 0.3 ᠵᠠᠭᠤᠨ ᠤ ᠬᠤᠪᠢ ᠪᠠᠭᠤᠷᠠᠪᠠ᠃      ᠵᠢᠯ ᠤᠨ ᠡᠴᠦᠰ ᠪᠤᠯᠳᠠᠯ᠎ᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠡᠶᠢᠭᠡᠮ ᠤᠨ ᠨᠠᠰᠤᠵᠢᠯ ᠤᠨ ᠳᠠᠭᠠᠳᠬᠠᠯ ᠲᠤ ᠣᠷᠣᠯᠴᠠᠭᠰᠠᠨ ᠬᠥᠮᠦᠨ ᠤ ᠲᠤᠭ᠎ᠠ 749.9 ᠲᠦᠮᠡ ᠳᠤ ᠬᠦᠷᠴᠦ᠂ ᠳᠡᠭᠡᠷ᠎ᠠ ᠵᠢᠯ ᠤᠨ ᠬᠢ ᠠᠴᠠ 0.9% ᠪᠠᠷ ᠨᠡᠮᠡᠭᠳᠡᠪᠡ᠃ ᠬᠤᠲᠠ ᠪᠠᠯᠭᠠᠰᠤᠨ ᠤ ᠠᠵᠢᠯᠴᠢᠨ ᠠᠵᠢᠯᠲᠠᠳ ᠤᠨ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 733.5 ᠲᠦᠮᠡ ᠳᠤ ᠬᠦᠷᠴᠦ᠂ ᠲᠡᠭᠡᠷ᠎ᠡ ᠵᠢᠯ ᠤᠨ ᠬᠢ ᠠᠴᠠ 5.6% ᠪᠠᠷ ᠨᠡᠮᠡᠭᠳᠡᠪᠡ᠂ ᠡᠭᠦᠨ ᠤ ᠳᠣᠲᠣᠷ᠎ᠠ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠵᠢᠴᠢ ᠠᠵᠢᠯ ᠠᠴᠠ ᠪᠠᠨ ᠲᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠬᠥᠮᠦᠨ 284.6 ᠲᠦᠮᠡ ᠪᠠᠶᠢᠵᠤ᠂ 10.7% ᠪᠠᠷ ᠨᠡᠮᠡᠭᠳᠡᠭᠰᠡᠨ ᠪᠠᠶᠢᠨ᠎ᠠ᠃ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 2164.4 ᠲᠦᠮᠡ ᠪᠠᠶᠢᠵᠤ᠂ 0.1% ᠪᠠᠷ ᠨᠡᠮᠡᠭᠳᠡᠪᠡ᠃ ᠡᠭᠦᠨ ᠳᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 1659.1 ᠲᠦᠮᠡ ᠳᠤ ᠬᠦᠷᠴᠦ᠂ 0.4% ᠪᠠᠷ ᠪᠠᠭᠤᠷᠠᠪᠠ︔ ᠦᠨᠳᠦᠰᠦᠨ ᠡᠮ ᠡᠮᠨᠡᠯᠭᠡ ᠶᠢᠨ ᠳᠠᠭᠠᠳᠬᠠᠯ  ᠳᠤ ᠣᠷᠣᠯᠴᠠᠭᠰᠠᠨ ᠠᠵᠢᠯᠴᠢᠨ ᠠᠵᠢᠯᠲᠠᠨ ᠤ ᠲᠤᠭ᠎ᠠ 505.3 ᠲᠦᠮᠡ ᠳᠤ ᠬᠦᠷᠴᠦ᠂ 2.1% ᠪᠠᠷ ᠨᠡᠮᠡᠭᠳᠡᠪᠡ᠃ ᠠᠵᠢᠯ ᠠᠯᠳᠠᠯᠲᠠ ᠶᠢᠨ ᠳᠠᠭᠠᠳᠬᠠᠯ ᠳᠤ ᠣᠷᠣᠯᠴᠠᠭᠰᠠᠨ ᠨᠢ 255.5 ᠲᠦᠮᠡᠨ  ᠬᠥᠮᠦᠨ  ᠪᠠᠶᠢᠵᠤ  ᠂ 3.4% ᠪᠠᠷ ᠨᠡᠮᠡᠭᠳᠡᠪᠡ︔ ᠠᠵᠢᠯ ᠠᠯᠳᠠᠯᠲᠠ ᠶᠢᠨ ᠳᠠᠭᠠᠳᠬᠠᠯ ᠤᠨ ᠮᠦᠡᠭᠭᠦ  ᠤᠯᠤᠭᠰᠠᠨ  ᠬᠥᠮᠦᠨ  ᠤ  ᠲᠤᠭ᠎ᠠ 4.9 ᠲᠦᠮᠡ ᠳᠤ ᠬᠦᠷᠴᠦ᠂ 7.9% ᠪᠠᠷ ᠪᠠᠭᠤᠷᠠᠪᠠ᠃ ᠨᠠᠰᠤᠵᠢᠯ ᠤᠨ ᠮᠥᠩᠭᠦ ᠶᠢ ᠨᠡᠶᠢᠭᠡᠮᠴᠢᠯᠡᠨ ᠲᠠᠷᠬᠠᠭᠠᠬᠰᠠᠨ ᠨᠣᠷᠮ᠎ᠠ 100% ᠳᠤ ᠬᠦᠷᠴᠡᠢ᠃      ᠠᠷᠪᠠ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ ᠪᠠ ᠰᠣᠶᠣᠯ ᠲᠠᠮᠢᠷ      ᠵᠢᠯ ᠤᠨ ᠡᠴᠦᠰ ᠪᠤᠯᠳᠠᠯ᠎ᠠ ᠪᠦᠬᠦ ᠣᠷᠣᠨ ᠳᠤ ᠠᠰᠫᠢᠷᠠᠨᠲ ᠬᠥᠮᠦᠵᠢᠭᠦᠯᠬᠦ ᠨᠢᠭᠡᠴᠢ 10 ᠪᠠᠶᠢᠵᠤ᠂ ᠰᠤᠷᠭᠠᠭᠤᠯᠢ ᠳᠤ ᠪᠠᠶᠢᠭ᠎ᠠ ᠠᠰᠫᠢᠷᠠᠨᠲ 2.1 ᠲᠦᠮᠡ ᠬᠦᠷᠴᠦ᠂ 5.4% ᠪᠠᠷ ᠨᠡᠮᠡᠭᠳᠡᠵᠡᠢ᠂ ᠡᠭᠦᠨ ᠳᠤ ᠴᠥᠭᠡᠨ ᠲᠣᠭᠠᠲᠤ ᠦᠨᠳᠦᠰᠦᠲᠡᠨ ᠤ ᠰᠤᠷᠭᠠᠭᠤᠯᠢ ᠳᠤ ᠪᠠᠶᠢᠭ᠎ᠠ ᠠᠰᠫᠢᠷᠠᠨᠲ 6095 ᠪᠠᠶᠢᠵᠤ᠂ ᠡᠬᠦᠨ ᠤ ᠳᠤᠳᠤᠷ᠎ᠠ ᠮᠣᠩᠭᠤᠯ ᠦᠨᠳᠦᠰᠦᠲᠡᠨ ᠤ ᠠᠰᠫᠢᠷᠠᠨᠲ 5357 ᠪᠣᠢ᠃ ᠵᠢᠯ ᠤᠨ ᠡᠴᠦᠰ ᠪᠦᠬᠦ ᠣᠷᠣᠨ ᠳᠤ ᠨᠡᠶᠢᠲᠡ 53 ᠡᠩ ᠤᠨ ᠶᠡᠭᠡ ᠲᠡᠭᠡᠳᠤ ᠰᠤᠷᠭᠠᠭᠤᠯᠢ ᠪᠠᠶᠢᠵᠤ᠂ ᠰᠤᠷᠭᠠᠭᠤᠯᠢ ᠳᠤ ᠪᠠᠶᠢᠭ᠎ᠠ ᠰᠤᠷᠤᠭᠴᠢ 45.5 ᠲᠦᠮᠡ ᠪᠠᠶᠢᠵᠤ᠂ 1.6% ᠪᠠᠷ ᠨᠡᠮᠡᠭᠳᠡᠵᠡᠢ᠃ ᠡᠭᠦᠨ ᠳᠤ ᠴᠦᠬᠡᠨ ᠲᠤᠭᠠᠲᠤ ᠦᠨᠳᠦᠰᠦᠲᠡᠨ ᠤ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠭᠴᠢ 12.2 ᠲᠦᠮᠡ ᠪᠠᠶᠢᠵᠤ᠂ ᠡᠬᠦᠨ   ᠤ  ᠳᠤᠳᠤᠷ᠎ᠠ  ᠮᠣᠩᠭᠤᠯ  ᠦᠨᠳᠦᠰᠦᠲᠡᠨ  ᠤ  ᠰᠤᠷᠤᠭᠴᠢ  10.6 ᠲᠦᠮᠡ ᠪᠠᠶᠢᠨ᠎ᠠ᠃ ᠵᠢᠯ ᠤᠨ ᠡᠴᠦᠰ ᠪᠤᠯᠳᠠᠯ᠎ᠠ ᠡᠩ ᠤᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ 299 ᠪᠠᠶᠢᠵᠤ᠂ ᠰᠤᠷᠭᠠᠭᠤᠯᠢ ᠳᠤ ᠪᠠᠶᠢᠭ᠎ᠠ ᠰᠤᠷᠤᠭᠴᠢ 42.1 ᠲᠦᠮᠨ ᠪᠠᠶᠢᠵᠤ᠂ 3.3% ᠪᠠᠷ ᠪᠠᠭᠠᠰᠴᠠᠢ᠃ ᠡᠭᠦᠨ ᠳᠤ᠂ ᠴᠦᠬᠡᠨ ᠳᠤᠭᠠᠳᠤ ᠦᠨᠳᠦᠰᠦᠳᠡᠨ ᠤ ᠰᠤᠷᠤᠭᠴᠢ 12.9 ᠲᠦᠮᠡ ᠪᠠᠶᠢᠵᠤ᠂ ᠡᠬᠦᠨ ᠤ ᠳᠤᠳᠤᠷ᠎ᠠ ᠮᠣᠩᠭᠤᠯ ᠦᠨᠳᠦᠰᠦᠳᠡᠨ ᠤ ᠰᠤᠷᠤᠭᠴᠢ 11.6 ᠲᠦᠮᠡ ᠪᠤᠢ᠃ ᠵᠢᠯ ᠤᠨ ᠡᠴᠦᠰ ᠪᠤᠯᠳᠠᠯ᠎ᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ 691 ᠪᠠᠶᠢᠵᠤ᠂ ᠰᠤᠷᠭᠠᠭᠤᠯᠢ ᠳᠤ ᠪᠠᠶᠢᠭ᠎ᠠ ᠰᠤᠷᠤᠭᠴᠢ 63.7 ᠲᠦᠮᠡ ᠪᠠᠶᠢᠵᠤ᠂ 2.9% ᠪᠠᠷ ᠨᠡᠮᠡᠭᠳᠡᠪᠡ᠂ ᠡᠭᠦᠨ ᠳᠤ ᠴᠥᠭᠡᠨ ᠲᠣᠭᠠᠲᠤ ᠦᠨᠳᠦᠰᠦᠲᠡᠨ ᠤ ᠰᠤᠷᠤᠭᠴᠢ  18.8  ᠲᠦᠮᠡ᠂ ᠡᠬᠦᠨ ᠤ ᠳᠣᠲᠣᠷ᠎ᠠ ᠮᠣᠩᠭᠤᠯ ᠦᠨᠳᠦᠰᠦᠲᠡᠨ ᠤ ᠰᠤᠷᠤᠭᠴᠢ 16.7 ᠲᠦᠮᠡ ᠪᠠᠶᠢᠨ᠎ᠠ᠃ ᠵᠢᠯ ᠤᠨ ᠡᠴᠦᠰ ᠪᠤᠯᠳᠠᠯ᠎ᠠ ᠪᠠᠭ᠎ᠠ ᠰᠤᠷᠭᠠᠭᠤᠯᠢ 1655 ᠪᠠᠶᠢᠵᠤ᠂ ᠰᠤᠷᠭᠠᠭᠤᠯᠢ ᠳᠤ ᠪᠠᠶᠢᠭ᠎ᠠ ᠰᠤᠷᠤᠭᠴᠢ 134.2 ᠲᠦᠮᠡ ᠪᠠᠶᠢᠵᠤ᠂ 1.2% ᠪᠠᠷ ᠨᠡᠮᠡᠭᠳᠡᠵᠡᠢ᠃ ᠪᠦᠬᠦ ᠣᠷᠣᠨ ᠤ ᠬᠡᠦᠬᠡᠳ ᠤᠨ ᠴᠡᠴᠡᠷᠯᠢᠭ ᠲᠤ ᠰᠠᠭᠤᠭ᠎ᠠ 61.7 ᠲᠦᠮᠡᠨ ᠰᠤᠷᠤᠭᠴᠢ ᠪᠠᠶᠢᠵᠤ᠂ 3.6% ᠪᠠᠷ ᠪᠠᠭᠤᠷᠠᠵᠠᠢ᠃ ᠪᠦᠬᠦ ᠣᠷᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠠᠪᠰᠢᠨ ᠣᠷᠣᠭᠰᠠᠨ ᠪᠦᠳᠦᠬᠦᠪᠴᠢ ᠨᠣᠷᠮ᠎ᠠ 98.46%᠂ ᠪᠠᠭ᠎ᠠ ᠰᠤᠷᠭᠠᠭᠤᠯᠢ ᠳᠤ ᠤᠷᠤᠬᠤ ᠨᠠᠰᠤᠨ ᠤ ᠬᠡᠦᠬᠡᠳ ᠤᠨ ᠰᠤᠷᠭᠠᠭᠤᠯᠢ ᠳᠤ ᠣᠷᠣᠭᠰᠠᠨ ᠨᠣᠷᠮ᠎ᠠ 100%  ᠳᠤ ᠬᠦᠷᠦᠭᠰᠡᠨ ᠪᠠᠶᠢᠨ᠎ᠠ᠃      ᠪᠦᠬᠦ ᠵᠢᠯ ᠳᠤ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ 712 ᠲᠥᠷᠥᠯ ᠪᠤᠯᠪᠠ᠂ ᠡᠭᠦᠨ ᠳᠤ ᠦᠨᠳᠦᠰᠦᠨ ᠣᠨᠣᠯ ᠤᠨ ᠦᠷ᠎ᠡ ᠪᠦᠲᠦᠭᠡᠯ 160 ᠲᠥᠷᠥᠯ᠂ ᠬᠡᠷᠡᠭᠯᠡᠭᠡᠨ ᠤ ᠮᠡᠷᠭᠡᠵᠢᠯ ᠤᠨ ᠦᠷ᠎ᠡ ᠪᠦᠲᠦᠭᠡᠯ 540 ᠲᠥᠷᠥᠯ᠂ ᠵᠥᠭᠡᠯᠡᠨ ᠰᠢᠨᠵᠢᠯᠡᠬᠦ ᠤᠬᠠᠭᠠᠨ ᠤ ᠰᠢᠨᠵᠢᠯᠡᠭᠡᠨ ᠤ ᠦᠷ᠎ᠡ ᠪᠦᠲᠦᠭᠡᠯ 12 ᠲᠥᠷᠥᠯ ᠪᠤᠢ᠃ ᠪᠦᠬᠦ ᠵᠢᠯ ᠤᠨ ᠲᠤᠰᠬᠠᠢ ᠠᠰᠢᠭ ᠭᠤᠶᠤᠴᠢᠯᠠᠬᠰᠠᠨ ᠲᠦᠷᠦᠯ ᠵᠦᠢᠯ 16426 ᠬᠤᠪᠢ᠂ ᠡᠷᠬᠡ ᠣᠯᠭᠤᠭᠰᠠᠨ ᠲᠤᠰᠬᠠᠢ ᠠᠰᠢᠭ 9625 ᠬᠤᠪᠢ ᠪᠤᠯᠪᠠ᠃ ᠪᠦᠬᠦ ᠵᠢᠯ ᠤᠨ ᠳᠣᠲᠣᠷ᠎ᠠ ᠨᠡᠶᠢᠲᠡ 6277 ᠬᠤᠪᠢ ᠡᠯ᠎ᠡ ᠲᠥᠷᠥᠯ ᠤᠨ ᠮᠡᠷᠭᠡᠵᠢᠯ ᠤᠨ ᠭᠡᠷ᠎ᠡ ᠳᠤ ᠭᠠᠷ ᠤᠨ ᠦᠰᠦᠭ ᠵᠢᠷᠤᠵᠤ᠂ ᠭᠡᠷ᠎ᠡ ᠪᠦᠲᠦᠭᠰᠡᠨ ᠵᠣᠭᠤᠰ ᠤᠨ ᠲᠤᠭ᠎ᠠ ᠨᠢ 236.0 ᠳ᠋ᠦᠩᠰᠢᠭᠤᠷ ᠲᠥᠭᠦᠷᠢᠭ ᠲᠤ ᠬᠦᠷᠴᠦ᠂ 45.0% ᠢᠶᠠᠷ ᠨᠡᠮᠡᠭᠳᠡᠪᠡ᠃ ᠡᠭᠦᠨ ᠳᠤ᠂ ᠣᠷᠣᠨ ᠤ ᠳᠤᠳᠤᠷ᠎ᠠ ᠳᠤᠭᠳᠠᠭᠰᠠᠨ ᠮᠡᠷᠭᠡᠵᠢᠯ ᠤᠨ ᠠᠷᠠᠯᠵᠢᠶᠠᠨ ᠤ ᠪᠡᠯᠡ ᠮᠥᠩᠭᠦ 13.1 ᠳ᠋ᠦᠩᠰᠢᠭᠤᠷ ᠲᠥᠭᠦᠷᠢᠭ ᠲᠤ ᠬᠦᠷᠴᠦ᠂ ᠣᠷᠣᠨ ᠠᠴᠠ ᠭᠠᠳᠠᠭᠰᠢ ᠭᠠᠷᠭᠠᠭᠰᠠᠨ  ᠮᠡᠷᠭᠡᠵᠢᠯ  ᠤᠨ  ᠠᠷᠠᠯᠵᠢᠶᠠᠨ   ᠤ  ᠪᠡᠯᠡ  ᠮᠥᠩᠭᠦ  6.8 ᠳ᠋ᠦᠩᠰᠢᠭᠤᠷ ᠲᠥᠭᠦᠷᠢᠭ ᠲᠤ ᠬᠦᠷᠴᠦ᠂ ᠣᠷᠣᠨ ᠤ ᠭᠠᠳᠠᠨᠠᠬᠢ ᠮᠡᠷᠭᠡᠵᠢᠯ ᠤᠨ ᠦᠷ᠎ᠡ ᠪᠦᠲᠦᠭᠡᠯ ᠢ ᠤᠷᠤᠭᠤᠯᠤᠨ ᠠᠪᠴᠢᠷᠠᠬᠤ ᠳᠤ 216.2 ᠳ᠋ᠦᠩᠰᠢᠭᠤᠷ ᠲᠥᠭᠦᠷᠢᠭ ᠵᠠᠷᠤᠵᠠᠢ᠃      ᠪᠦᠬᠦ ᠣᠷᠣᠨ ᠳᠤ ᠦᠢᠯᠡᠳᠬᠦᠨ ᠤ ᠶᠠᠰᠤ ᠴᠢᠨᠠᠷ ᠤᠨ ᠦᠨᠡᠮᠯᠡᠯ ᠢ ᠰᠢᠯᠭᠠᠨ ᠪᠠᠶᠢᠴᠠᠭᠠᠬᠤ ᠪᠠᠶᠢᠭᠤᠯᠤᠮᠵᠢ ᠨᠡᠶᠢᠲᠡ 57 ᠪᠠᠶᠢᠵᠤ᠂ ᠡᠭᠦᠨ ᠳᠤ ᠤᠯᠤᠰ ᠤᠨ ᠰᠢᠯᠭᠠᠨ ᠪᠠᠶᠢᠴᠠᠭᠠᠬᠤ ᠲᠥᠪ 8 ᠪᠠᠶᠢᠨ᠎ᠠ᠃      ᠵᠢᠯ ᠤᠨ ᠡᠴᠦᠰ ᠪᠤᠯᠳᠠᠯ᠎ᠠ ᠪᠦᠬᠦ ᠣᠷᠣᠨ ᠳᠤ ᠤᠷᠠᠯᠢᠭ ᠤᠨ ᠠᠵᠢᠯ ᠲᠦᠷᠦᠯ ᠤᠨ ᠪᠠᠶᠢᠭᠤᠯᠤᠮᠵᠢ 94 ᠪᠠᠶᠢᠵᠤ᠂ ᠡᠭᠦᠨ ᠳᠤ 76 ᠤᠯᠠᠭᠠᠨᠮᠥ᠋ᠴᠢᠷ ᠪᠣᠢ᠃ ᠣᠳᠣ ᠰᠣᠶᠣᠯ ᠤᠨ ᠣᠷᠳᠣᠨ 120᠂ ᠨᠡᠶᠢᠲᠡ ᠶᠢᠨ ᠨᠣᠮ ᠤᠨ ᠰᠠᠩ 117᠂ ᠮᠦᠽᠧᠢ 110 ᠪᠠᠶᠢᠨ᠎ᠠ᠃ ᠵᠢᠯ ᠤᠨ ᠡᠴᠦᠰ ᠪᠤᠯᠳᠠᠯ᠎ᠠ ᠪᠦᠬᠦ ᠣᠷᠣᠨ ᠤ ᠷᠠᠳᠢᠣ᠋ ᠨᠡᠪᠲᠡᠷᠡᠭᠦᠯᠭᠡ ᠶᠢᠨ ᠶᠡᠷᠦᠩᠬᠡᠶ ᠬᠥᠮᠦᠨ ᠠᠮᠠ ᠶᠢᠨ ᠪᠦᠷᠬᠦᠴᠡ ᠶᠢᠨ ᠨᠤᠷᠮ᠎ᠠ 99.24%᠂ ᠲᠧᠯᠸᠢᠰ ᠤᠨ ᠶᠡᠷᠦᠩᠬᠡᠢ ᠬᠦᠮᠦᠨ ᠠᠮᠠ ᠶᠢᠨ ᠪᠦᠷᠬᠦᠴᠡ ᠶᠢᠨ ᠨᠣᠷᠮ᠎ᠠ 99.2% ᠳᠤ ᠬᠦᠷᠪᠡ᠃ ᠵᠢᠯ ᠤᠨ ᠡᠴᠦᠰ ᠪᠤᠯᠳᠠᠯ᠎ᠠ ᠪᠦᠬᠦ ᠣᠷᠣᠨ ᠤ ᠤᠲᠠᠰᠤᠲᠤ ᠷᠠᠳᠢᠣ᠋ ᠲᠧᠯᠸᠢᠰ ᠤᠨ ᠬᠡᠷᠡᠭᠯᠡᠭᠴᠢ 357.3 ᠲᠦᠮᠡᠨ ᠡᠷᠦᠬᠡ ᠪᠤᠯᠪᠠ᠃ ᠪᠦᠬᠦ ᠵᠢᠯ ᠳᠤ 9 ᠦᠯᠢᠭᠡᠷᠳᠤ ᠺᠢᠨᠣ᠋ ᠦᠢᠯᠡᠳᠴᠦ᠂ ᠮᠣᠩᠭᠤᠯ ᠢᠶᠠᠷ ᠣᠷᠴᠢᠭᠤᠯᠤᠭᠰᠠᠨ ᠹᠢᠯᠢᠮ 110 ᠪᠤᠢ᠃      ᠪᠦᠬᠦ ᠵᠢᠯ ᠳᠤ ᠪᠦᠬᠦ ᠣᠷᠣᠨ ᠤ ᠳᠠᠮᠢᠷᠴᠢᠳ ᠤᠯᠤᠰ ᠤᠨ ᠳᠣᠲᠣᠭᠠᠳᠤ ᠭᠠᠳᠠᠭᠠᠳᠤ ᠶᠢᠨ ᠴᠢᠬᠤᠯᠠ ᠶᠡᠭᠡ ᠤᠷᠤᠯᠳᠤᠭᠠᠨ ᠳᠤ 261 ᠱᠠᠩᠨᠠᠯ ᠬᠦᠷᠲᠡᠪᠡ᠃ ᠡᠭᠦᠨ ᠳᠤ᠂ ᠤᠯᠤᠰ ᠤᠨ ᠭᠠᠳᠠᠭᠠᠳᠤ ᠳᠤ 30 ᠱᠠᠩᠨᠠᠯ᠂ ᠤᠯᠤᠰ ᠤᠨ ᠳᠤᠳᠤᠭᠠᠳᠤ ᠳᠤ  231 ᠱᠠᠩᠨᠠᠯ ᠳᠤᠰᠴᠡᠢ᠃      ᠠᠷᠪᠠᠨ ᠨᠢᠭᠡ᠂ ᠡᠷᠡᠬᠦᠯ ᠬᠠᠮᠠᠭᠠᠯᠠᠯ ᠪᠠ ᠨᠡᠶᠢᠭᠡᠮ ᠤᠨ ᠦᠢᠯᠡᠴᠢᠯᠡᠭᠡ      ᠵᠢᠯ ᠤᠨ ᠡᠴᠤᠰ ᠪᠤᠯᠳᠠᠯ᠎ᠠ ᠪᠦᠬᠦ ᠤᠷᠤᠨ‌‍ᠳᠥ ᠨᠡᠶᠢᠲᠡ 24613 ᠡᠷᠡᠬᠦᠯ ᠬᠠᠮᠠᠭᠠᠯᠠᠯ ᠤᠨ ᠪᠠᠶᠢᠭᠤᠯᠤᠮᠵᠢ ᠪᠠᠶᠢᠵᠤ᠂ ᠡᠬᠦᠨ ᠳᠤ 818 ᠡᠮᠨᠡᠯᠭᠡ ᠶᠢᠨ ᠬᠤᠷᠢᠶ᠎ᠠ᠂ 1301 ᠬᠦᠳᠡᠭᠡ ᠲᠤᠰᠬᠤᠨ ᠮᠠᠯᠵᠢᠬᠤ ᠲᠠᠷᠢᠶᠠᠯᠠᠬᠤ ᠤᠷᠤᠨ ᠤ ᠡᠷᠡᠬᠦᠯ ᠬᠠᠮᠠᠭᠠᠯᠠᠯ ᠤᠨ ᠬᠤᠷᠢᠶ᠎ᠠ᠂ 118 ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠨ ᠡᠵᠡᠮᠳᠡᠬᠦ ᠲᠦᠪ᠂ 114 ᠡᠬᠡ ᠨᠢᠯᠬᠠᠰ ᠤᠨ ᠡᠷᠡᠬᠦᠯ ᠬᠠᠮᠠᠭᠠᠯᠠᠯ ᠤᠨ ᠪᠠᠶᠢᠭᠤᠯᠤᠮᠵᠢ᠂ 50 ᠲᠤᠰᠬᠠᠢ ᠰᠠᠯᠠᠭ᠎ᠠ ᠶᠢᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠬᠤᠷᠢᠶ᠎ᠠ ︵ᠭᠠᠵᠠᠷ︶ ᠪᠠᠶᠢᠨ᠎ᠠ᠃ ᠵᠢᠯ ᠤᠨ ᠡᠴᠦᠰ ᠪᠤᠯᠳᠠᠯ᠎ᠠ ᠪᠦᠬᠦ ᠤᠷᠤᠨ ᠤ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠳᠤ 15.9 ᠲᠦᠮᠡᠨ ᠡᠪᠡᠳᠴᠢᠳᠡᠨ ᠤ ᠤᠷᠤ ᠪᠠᠶᠢᠵᠤ᠂ ᠲᠡᠬᠡᠷ᠎ᠠ ᠵᠢᠯ ᠤᠨ ᠬᠢ ᠠᠴᠠ 5.8% ᠪᠠᠷ ᠨᠡᠮᠡᠭᠳᠡᠵᠤ᠂ ᠡᠬᠦᠨ ᠳᠤ᠂ ᠡᠮᠨᠡᠯᠭᠡ ᠶᠢᠨ ᠬᠤᠷᠢᠶ᠎ᠠ ᠳᠤ 12.6 ᠲᠦᠮᠡᠨ ᠤᠷᠤ᠂ ᠰᠤᠮᠤ ᠪᠠᠯᠭᠠᠰᠤᠨ ᠤ ᠡᠷᠡᠬᠦᠯ ᠬᠠᠮᠠᠭᠠᠯᠠᠯ ᠤᠨ ᠬᠤᠷᠢᠶ᠎ᠠ ᠳᠤ 2.2 ᠲᠦᠮᠡᠨ ᠤᠷᠤ᠂ ᠡᠬᠡ ᠨᠢᠯᠬᠠᠰ ᠤᠨ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠳᠤ 0.4 ᠲᠦᠮᠡᠨ ᠤᠷᠤ ᠲᠠᠢ ᠪᠤᠯᠪᠠ᠃ ᠪᠦᠬᠦ ᠤᠷᠤᠨ ᠳᠤ ᠡᠷᠡᠬᠦᠯ ᠬᠠᠮᠠᠭᠠᠯᠠᠯ ᠤᠨ ᠮᠡᠷᠭᠡᠵᠢᠯ ᠤᠨ ᠠᠵᠢᠯᠳᠠᠨ 18.8 ᠲᠦᠮᠡᠨ ᠬᠦᠮᠦᠨ ᠪᠠᠶᠢᠵᠤ᠂ 4.2% ᠪᠠᠷ ᠨᠡᠮᠡᠭᠳᠡᠵᠡᠢ᠃ ᠡᠬᠦᠨ  ᠳᠤ ᠲᠤᠰᠬᠠᠢ ᠡᠮᠴᠢ᠂ ᠲᠤᠰᠠᠯᠠᠭᠴᠢ ᠡᠮᠴᠢ 7.3 ᠲᠦᠮᠡᠨ ᠬᠦᠮᠦᠨ ᠳᠤ ᠬᠦᠷᠴᠤ᠂  ᠲᠠᠩᠰᠠᠯᠠᠭᠰᠠᠨ  ᠰᠤᠪᠢᠯᠠᠭᠴᠢ  7.6 ᠲᠦᠮᠡᠨ ᠬᠦᠮᠦᠨ ᠳᠤ ᠬᠦᠷᠴᠡᠢ᠃ ᠬᠦᠳᠡᠭᠡ ᠲᠤᠰᠬᠤᠨ ᠳᠤ 1.4 ᠲᠦᠮᠡᠨ ᠲᠤᠰᠬᠤᠨ ᠤ ᠡᠷᠡᠬᠦᠯ ᠬᠠᠮᠠᠭᠠᠯᠠᠯ ᠤᠨ ᠲᠠᠰᠤᠭ ᠲᠠᠢ ᠪᠠᠶᠢᠵᠤ᠂ ᠬᠦᠳᠡᠭᠡ ᠲᠤᠰᠬᠤᠨ ᠤ ᠡᠮᠴᠢ ᠪᠠ ᠡᠷᠡᠬᠦᠯ ᠬᠠᠮᠠᠭᠠᠯᠠᠭᠴᠢ 1 .8 ᠲᠦᠮᠡᠨ ᠬᠦᠮᠦᠨ ᠳᠤ ᠬᠦᠷᠴᠡᠢ᠃      ᠵᠢᠯ ᠤᠨ ᠡᠴᠤᠰ ᠪᠤᠯᠳᠠᠯ᠎ᠠ ᠪᠦᠬᠦ ᠤᠷᠤᠨ ᠤ ᠬᠤᠳᠠ ᠪᠠᠯᠭᠠᠰᠤᠨ ᠳᠤ ᠡᠯ᠎ᠠ ᠵᠦᠢᠯ ᠤᠨ ᠨᠡᠶᠢᠭᠡᠮ ᠲᠤᠭᠤᠷᠢᠭ ᠤᠨ ᠦᠢᠯᠡᠴᠢᠯᠡᠭᠡᠨ ᠤ ᠲᠦᠬᠦᠭᠡᠷᠤᠮᠵᠢ 4525 ᠪᠠᠶᠢᠵᠤ᠂ ᠲᠡᠭᠡᠷ᠎ᠠ ᠵᠢᠯ ᠤᠨ ᠬᠢ ᠠᠴᠠ 1.3% ᠪᠠᠷ ᠨᠡᠮᠡᠭᠳᠡᠵᠡᠢ᠃ ᠡᠬᠦᠨ ᠳᠤ ᠨᠡᠶᠢᠭᠡᠮ ᠲᠤᠭᠤᠷᠢᠭ ᠤᠨ ᠦᠢᠯᠡᠴᠢᠯᠡᠭᠡᠨ ᠤ ᠲᠦᠪ ︵ᠦᠷᠳᠡᠭᠡ︶ 2070 ᠪᠤᠯᠪᠠ᠃ ᠪᠦᠬᠦ ᠤᠷᠤᠨ ᠳᠤ ᠡᠯ᠎ᠠ ᠲᠦᠷᠦᠯ ᠤᠨ ᠠᠰᠠᠷᠠᠮᠵᠢ ᠶᠢᠨ ᠭᠠᠵᠠᠷ ᠲᠤ 1.7 ᠲᠦᠮᠡᠨ ᠤᠷᠤ ᠲᠠᠢ ᠪᠤᠯᠵᠦ᠂ ᠡᠯ᠎ᠠ ᠲᠦᠷᠦᠯ ᠤᠨ ᠠᠰᠠᠷᠠᠮᠵᠢ ᠶᠢᠨ ᠭᠠᠵᠠᠷ ᠲᠤ 0.9 ᠲᠦᠮᠡᠨ ᠬᠦᠮᠦᠨ ᠢ ᠠᠰᠠᠷᠠᠵᠡᠢ᠃ ᠪᠦᠬᠦ ᠵᠢᠯ ᠳᠤ ᠨᠡᠶᠢᠲᠡ 163.9 ᠲᠦᠮᠡᠨ ᠬᠦᠮᠦᠨ ᠤᠯᠤᠰ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠶᠢᠨ ᠲᠤᠰᠠᠯᠠᠮᠵᠢ ᠶᠢ ᠬᠦᠷᠳᠡᠵᠡᠢ᠃ ᠪᠦᠬᠦ ᠵᠢᠯ ᠳᠤ ᠨᠡᠶᠢᠭᠡᠮ ᠤᠨ ᠠᠰᠠᠷᠠᠮᠵᠢ ᠶᠢᠨ ᠪᠡᠯᠡ ᠮᠦᠩᠬᠦ 18.3 ᠳ᠋ᠦᠩᠰᠢᠭᠤᠷ ᠲᠦᠬᠦᠷᠢᠭ ᠬᠤᠷᠠᠮᠳᠤᠭᠤᠯᠵᠦ᠂ ᠨᠡᠶᠢᠭᠡᠮ ᠤᠨ ᠠᠰᠠᠷᠠᠮᠵᠢ ᠶᠢᠨ ᠱᠠᠩᠨᠠᠯᠳᠦ ᠰᠤᠭᠤᠯᠤᠭ᠎ᠠ ᠶᠢ 64.1 ᠳ᠋ᠦᠩᠰᠢᠭᠤᠷ ᠲᠦᠬᠦᠷᠢᠭ ᠪᠤᠷᠤᠯᠠᠭᠤᠯᠵᠤ᠂ ᠲᠤᠰ ᠪᠦᠷᠢ 4.3% ᠪᠠ 2.3% ᠪᠠᠷ ᠨᠡᠮᠡᠭᠳᠡᠵᠡᠢ᠃       ᠠᠷᠪᠠᠨ ᠬᠤᠶᠠᠷ᠂ ᠡᠬᠢ ᠪᠠᠶᠠᠯᠢᠭ᠂ ᠤᠷᠴᠢᠨ ᠲᠤᠭᠤᠷᠢᠨ      ᠠᠩᠬ᠎ᠠ ᠠᠯᠬᠤᠮ ᠤᠨ ᠪᠦᠷᠢᠳᠭᠡᠯ ᠢᠶᠠᠷ᠂ ᠪᠦᠬᠦ ᠵᠢᠯ ᠳᠤ ᠦᠢᠵᠢᠭᠤᠯᠤᠭᠰᠠᠨ ᠲᠠᠯᠠᠪᠡᠢ 85.2 ᠲᠦᠮᠡᠨ ᠡᡁᠧᠺᠲ᠋ᠡᠷ ᠲᠤ ᠬᠦᠷᠪᠡ᠃ ᠡᠬᠦᠨ ᠲᠤ ᠲᠠᠷᠢᠮᠠᠯ ᠤᠢ ᠶᠢᠨ ᠲᠠᠯᠠᠪᠡᠢ 31.4 ᠲᠦᠮᠡᠨ ᠡᡁᠧᠺᠲ᠋ᠡᠷ ᠲᠤ ᠬᠦᠷᠴᠤ᠂ ᠨᠢᠰᠭᠡᠯ ᠢᠶᠠᠷ 6.1 ᠲᠦᠮᠡᠨ ᠡᡁᠧᠺᠲ᠋ᠡᠷ ᠦᠢᠵᠢᠭᠤᠯᠵᠤ᠂ 10.8 ᠲᠦᠮᠡᠨ ᠡᡁᠧᠺᠲ᠋ᠡᠷ ᠠᠭᠤᠯᠠ ᠶᠢ ᠪᠢᠳᠡᠬᠦᠮᠵᠢᠯᠡᠵᠤ ᠦᠢᠵᠢᠭᠤᠯᠤᠨ᠂ ᠴᠢᠬᠢ ᠮᠤᠳᠤᠨ ᠤ ᠲᠠᠯᠠᠪᠡᠢ 27.7 ᠲᠦᠮᠡᠨ ᠡᡁᠧᠺᠲ᠋ᠡᠷ ᠲᠤ ᠬᠦᠷᠪᠠ᠃ ᠲᠠᠷᠢᠶᠠᠯᠠᠬᠤ ᠪᠠᠨ ᠵᠤᠭᠰᠤᠵᠤ ᠤᠢ ᠮᠤᠳᠤ ᠶᠢ ᠰᠡᠷᠬᠦᠭᠡᠬᠦ ᠲᠠᠯᠠᠪᠡᠢ 5.2 ᠲᠦᠮᠡᠨ ᠡᡁᠧᠺᠲ᠋ᠡᠷ ᠲᠤ ᠬᠦᠷᠴᠤ᠂ ᠪᠠᠶᠢᠭᠠᠯᠢᠯᠢᠭ ᠤᠢ ᠶᠢᠨ ᠡᠬᠢ ᠪᠠᠶᠠᠯᠢᠭ ᠤᠨ ᠬᠠᠮᠠᠭᠠᠯᠠᠯᠳᠠ ᠶᠢᠨ ᠢᠨᠵᠧᠨᠧᠷᠢᠩ  ᠢᠶᠠᠷ  ᠦᠢᠵᠢᠭᠤᠯᠤᠭᠰᠠᠨ  ᠲᠠᠯᠠᠪᠡᠢ  5.1 ᠲᠦᠮᠡᠨ ᠡᡁᠧᠺᠲ᠋ᠡᠷ ᠲᠤ ᠬᠦᠷᠴᠡᠢ᠃ ᠪᠡᠭᠡᠵᠢᠩ ᠲᠢᠶᠠᠨᠵᠢᠨ ᠤ ᠡᠷᠬᠢᠨ ᠲᠤᠭᠤᠷᠢᠨ ᠤ ᠡᠯᠡᠰᠦ ᠪᠠ ᠰᠠᠯᠬᠢᠨ ᠤ ᠡᠬᠢ ᠶᠢ ᠵᠠᠰᠠᠬᠤ ᠢᠨᠵᠧᠨᠧᠷᠢᠩ ᠢᠶᠠᠷ ᠦᠢᠵᠢᠭᠤᠯᠤᠭᠰᠠᠨ ᠲᠠᠯᠠᠪᠡᠢ 8.4 ᠲᠦᠮᠡᠨ ᠡᡁᠧᠺᠲ᠋ᠡᠷ ᠲᠤ ᠬᠦᠷᠴᠤ᠂ ︽ᠤᠮᠠᠷᠠᠳᠤ ᠶᠢᠨ ᠭᠤᠷᠪᠠᠨ ᠤᠷᠤᠨ︾ ᠤ ᠬᠠᠮᠠᠭᠠᠯᠠᠯᠳᠠ ᠶᠢᠨ ᠤᠢ ᠶᠢᠨ ᠲᠠᠪᠤᠳᠤᠭᠠᠷ ᠬᠤᠭᠤᠴᠠᠭᠠᠨ ᠤ ᠢᠨᠵᠧᠨᠧᠷᠢᠩ ᠤᠨ ᠲᠠᠯᠠᠪᠡᠢ 10.6 ᠲᠦᠮᠡᠨ ᠡᡁᠧᠺᠲ᠋ᠡᠷ ᠢ ᠪᠡᠶᠡᠯᠡᠬᠦᠯᠵᠡᠢ᠃ ᠵᠢᠯ ᠤᠨ ᠡᠴᠤᠰ ᠪᠤᠯᠳᠠᠯ᠎ᠠ ᠪᠦᠬᠦ ᠤᠷᠤᠨ ᠤ ᠤᠢ ᠰᠢᠭᠤᠢ ᠶᠢᠨ ᠲᠠᠯᠠᠪᠡᠢ 2614.9 ᠲᠦᠮᠡᠨ ᠡᡁᠧᠺᠲ᠋ᠡᠷ ᠲᠤ ᠬᠦᠷᠴᠤ᠂ ᠤᠢ ᠰᠢᠭᠤᠢ ᠶᠢᠨ ᠪᠦᠷᠬᠦᠴᠡ ᠶᠢᠨ ᠨᠤᠷᠮ᠎ᠠ 22.1% ᠳᠤ ᠬᠦᠷᠴᠡᠢ᠃      ᠪᠦᠬᠦ ᠤᠷᠤᠨ ᠤ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ 182 ᠪᠤᠯᠪᠠ᠃ ᠡᠬᠦᠨ ᠳᠤ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ 29᠂ ᠦᠪᠡᠷᠳᠡᠭᠡᠨ ᠵᠠᠰᠠᠬᠤ ᠤᠷᠤᠨ ᠤ ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ 60 ᠪᠠᠶᠢᠨ᠎ᠠ᠃ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠲᠠᠯᠠᠪᠡᠢ 1267.1 ᠲᠦᠮᠡᠨ ᠡᡁᠧᠺᠲ᠋ᠡᠷ ᠲᠤ ᠬᠦᠷᠴᠡᠢ᠃ ᠡᠬᠦᠨ ᠳᠤ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠲᠠᠯᠠᠪᠡᠢ 426.2 ᠲᠦᠮᠡᠨ ᠡᡁᠧᠺᠲ᠋ᠡᠷ ᠪᠤᠯᠪᠠ᠃      ᠪᠦᠬᠦ ᠵᠢᠯ ᠳᠤ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠤᠷᠢ ᠶᠢᠨ ᠶᠡᠷᠤᠩᠬᠡᠢ ᠡᠨᠧᠷᠬᠢ ᠶᠢᠨ ᠬᠡᠷᠡᠭᠯᠡᠬᠦ ᠬᠡᠮᠵᠢᠶ᠎ᠠ 13.0% ᠢᠶᠠᠷ ᠨᠡᠮᠡᠭᠳᠡᠵᠤ᠂ ᠡᠬᠦᠨ  ᠳᠤ ᠡᠨᠧᠷᠬᠢ ᠶᠢᠨ ᠬᠤᠷᠤᠭᠳᠠᠯ ᠢᠶᠠᠷ ᠦᠨᠳᠦᠷ ᠲᠤᠯᠤᠭᠠᠨ ᠶᠡᠭᠡ ᠠᠵᠢᠯ ᠲᠦᠷᠦᠯ ᠤᠨ ᠶᠡᠷᠤᠩᠬᠡᠢ ᠡᠨᠧᠷᠬᠢ ᠶᠢᠨ ᠬᠡᠷᠡᠭᠯᠡᠬᠦ ᠬᠡᠮᠵᠢᠶ᠎ᠠ 13.5% ᠪᠠᠷ ᠨᠡᠮᠡᠭᠳᠡᠪᠡ᠃ ᠭᠤᠤᠯ ᠪᠤᠯᠬᠤ ᠡᠨᠧᠷᠬᠢ ᠶᠢᠨ ᠬᠤᠷᠤᠭᠳᠠᠭᠤᠯᠬᠤ ᠠᠵᠤ ᠦᠢᠯᠡᠳᠪᠤᠷᠢ ᠶᠢᠨ ᠠᠵᠤ ᠠᠬᠤᠶᠢᠯᠠᠯ ᠤᠨ ᠨᠢᠭᠡ ᠲᠤᠨ ᠲᠦᠬᠦᠬᠡᠢ ᠨᠡᠬᠦᠷᠡᠰᠤ ᠦᠢᠯᠡᠳᠪᠤᠷᠢᠯᠡᠬᠦ ᠶᠡᠷᠤᠩᠬᠡᠢ ᠡᠨᠧᠷᠬᠢ ᠶᠢᠨ ᠬᠤᠷᠤᠭᠳᠠᠯ 1.4% ᠪᠠᠷ ᠪᠠᠭᠤᠷᠠᠵᠤ᠂ ᠨᠢᠭᠡ ᠲᠤᠨ ᠱᠦᠢᠨᠢ ᠦᠢᠯᠡᠳᠪᠤᠷᠢᠯᠡᠬᠦ ᠶᠡᠷᠤᠩᠬᠡᠢ ᠡᠨᠧᠷᠬᠢ ᠶᠢᠨ ᠬᠤᠷᠤᠭᠳᠠᠯ 0.8% ᠪᠠᠷ ᠪᠠᠭᠤᠷᠠᠵᠤ᠂ ᠨᠢᠭᠡ ᠲᠤᠨ ᠪᠤᠯᠤᠳ ᠦᠢᠯᠡᠳᠪᠤᠷᠢᠯᠡᠬᠦ ᠶᠡᠷᠤᠩᠬᠡᠢ ᠡᠨᠧᠷᠬᠢ ᠶᠢᠨ ᠬᠤᠷᠤᠭᠳᠠᠯ 0.4% ᠪᠠᠷ ᠨᠡᠮᠡᠭᠳᠡᠨ᠂ ᠨᠢᠭᠡᠴᠢ ᠴᠠᠬᠢᠯᠤᠭᠤᠷ ᠴᠢᠯᠠᠭᠤ ᠦᠢᠯᠡᠳᠪᠤᠷᠢᠯᠡᠬᠦ ᠶᠡᠷᠤᠩᠬᠡᠢ ᠡᠨᠧᠷᠬᠢ ᠶᠢᠨ ᠬᠤᠷᠤᠭᠳᠠᠯ 0.7% ᠪᠠᠷ ᠨᠡᠮᠡᠭᠳᠡᠵᠡᠢ᠃      ᠵᠡᠬᠦᠯᠳᠡ᠄      ︹ 1 ︺ ᠲᠤᠰ ᠠᠯᠪᠠᠨ ᠮᠡᠳᠡᠭᠡ ᠳᠠᠬᠢ ᠲᠤᠭ᠎ᠠ ᠪᠠᠷᠢᠮᠳᠠ ᠪᠤᠯ ᠪᠦᠷ ᠠᠩᠬ᠎ᠠ ᠠᠯᠬᠤᠮ ᠤᠨ ᠲᠤᠭ᠎ᠠ ᠪᠦᠷᠢᠳᠭᠡᠯ ᠪᠤᠯᠤᠨ᠎ᠠ᠃ ᠬᠡᠰᠡᠭ ᠲᠤᠭ᠎ᠠ ᠪᠠᠷᠢᠮᠳᠠ ᠨᠢ ᠲᠦᠷᠪᠡ ᠶᠢ ᠬᠠᠶᠠᠵᠦ ᠲᠠᠪᠤ ᠶᠢ ᠲᠡᠪᠰᠢᠬᠦᠯᠦᠭᠰᠡᠨ ᠰᠢᠯᠳᠠᠭᠠᠨ ᠠᠴᠠ ᠪᠤᠯᠵᠦ᠂ ᠬᠤᠪᠢᠶᠠᠬᠰᠠᠨ ᠲᠦᠷᠦᠯ ᠤᠨ ᠨᠡᠶᠢᠯᠡᠪᠦᠷᠢ ᠲᠤᠭ᠎ᠠ ᠲᠠᠢ ᠪᠠᠨ ᠲᠡᠩᠴᠡᠬᠦ ᠦᠭᠡᠢ ᠪᠠᠶᠢᠳᠠᠯ ᠪᠤᠢ᠃      ︹2︺ ᠦᠢᠯᠡᠳᠪᠦᠷᠢᠯᠡᠯ ᠤᠨ ᠶᠡᠷᠦᠩᠬᠡᠢ ᠦᠷᠳᠡᠭ᠂ ᠡᠯ᠎ᠠ ᠠᠵᠦ ᠦᠢᠯᠡᠰ ᠤᠨ ᠨᠡᠮᠡᠭᠳᠡᠯ ᠦᠷᠳᠡᠭ ᠪᠠ ᠬᠦᠮᠦᠨ ᠲᠤᠮᠳᠠᠴᠢ ᠶᠢᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠤᠨ ᠬᠠᠷᠢᠴᠠᠯᠠᠰᠢᠬᠦᠢ ᠲᠤᠭ᠎ᠠ ᠶᠢ ᠤᠳᠤ ᠶᠢᠨ ᠦᠨ᠎ᠠ ᠬᠠᠩᠰᠢ ᠪᠠᠷ ᠪᠤᠳᠤᠵᠦ᠂ ᠨᠡᠮᠡᠭᠳᠡᠯ ᠤᠨ ᠬᠤᠷᠳᠤᠴᠠ ᠶᠢ ᠬᠤᠪᠢᠷᠠᠬᠤ ᠦᠬᠡᠢ ᠦᠨ᠎ᠠ  ᠬᠠᠩᠰᠢ  ᠪᠠᠷ  ᠪᠤᠳᠤᠵᠠᠢ᠃      ︹ 3 ︺ ᠲᠠᠷᠢᠶᠠᠯᠠᠩ ᠤᠨ ᠪᠦᠲᠦᠭᠡᠭᠳᠡᠬᠦᠨ ᠦᠢᠯᠡᠳᠪᠦᠷᠢᠯᠡᠭᠴᠢ ᠶᠢᠨ ᠦᠨ᠎ᠠ ᠬᠠᠩᠰᠢ ᠨᠢ ᠲᠠᠷᠢᠶᠠᠯᠠᠩ ᠤᠨ ᠪᠦᠲᠦᠭᠡᠭᠳᠡᠬᠦᠨ ᠦᠢᠯᠡᠳᠪᠦᠷᠢᠯᠡᠭᠴᠢ ᠶᠢᠨ ᠪᠦᠲᠦᠭᠡᠭᠳᠡᠬᠦᠨ ᠢᠶᠠᠨ ᠰᠢᠭᠤᠳ ᠪᠤᠷᠤᠯᠠᠭᠤᠯᠬᠤ ᠦᠶ᠎ᠠ ᠶᠢᠨ ᠦᠨ᠎ᠠ ᠬᠠᠩᠰᠢ ᠶᠢ ᠵᠢᠭᠠᠵᠦ ᠪᠤᠢ᠃      ︹4︺ ᠤᠷᠤᠨ ᠰᠠᠭᠤᠴᠠ ᠶᠢᠨ ᠲᠦᠷᠦᠯ ᠤᠨ ᠦᠨ᠎ᠠ ᠬᠠᠩᠰᠢ ᠨᠢ ᠲᠦᠷᠢᠶᠡᠰᠦᠨ ᠤᠷᠤᠨ ᠰᠠᠭᠤᠴᠠ ᠶᠢᠨ ᠲᠦᠷᠢᠶᠡᠰᠤ᠂ ᠤᠷᠤᠨ ᠰᠠᠭᠤᠴᠠ ᠶᠢ ᠠᠷᠠᠴᠢᠯᠠᠨ ᠰᠡᠯᠪᠢᠬᠦ ᠵᠢᠴᠢ ᠬᠠᠮᠢᠶᠠᠷᠬᠤ᠂ ᠤᠰᠤ ᠴᠠᠬᠢᠯᠭᠠᠨ ᠰᠢᠲᠠᠭᠠᠯᠭ᠎ᠠ ᠶᠢᠨ ᠮᠠᠲ᠋ᠧᠷᠢᠶᠠᠯ ᠵᠡᠷᠬᠡ ᠶᠢᠨ ᠦᠨ᠎ᠠ ᠬᠠᠩᠰᠢ ᠶᠢ ᠪᠠᠭᠳᠠᠭᠠᠨ᠎ᠠ᠃      ︹ 5 ︺ ᠠᠵᠦ ᠦᠢᠯᠡᠳᠪᠦᠷᠢ ᠶᠢᠨ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠮᠠᠨᠳᠤᠬᠰᠠᠨ ᠠᠵᠦ ᠦᠢᠯᠡᠰ ᠨᠢ ᠡᠨᠧᠷᠬᠢ ᠠᠷᠪᠢᠯᠠᠵᠦ ᠤᠷᠴᠢᠨ ᠲᠤᠭᠤᠷᠢᠨ ᠢ ᠬᠠᠮᠠᠭᠠᠯᠠᠬᠤ ᠠᠵᠦ ᠦᠢᠯᠡᠰ᠂ ᠰᠢᠨ᠎ᠠ ᠨᠢᠬᠡ ᠦᠶ᠎ᠠ ᠶᠢᠨ ᠮᠡᠳᠡᠭᠡ ᠵᠠᠩᠬᠢ ᠶᠢᠨ ᠮᠡᠷᠬᠡᠵᠢᠯ ᠤᠨ ᠠᠵᠦ ᠦᠢᠯᠡᠰ᠂ ᠠᠮᠢᠳᠤ ᠪᠤᠳᠠᠰ ᠤᠨ ᠠᠵᠦ ᠦᠢᠯᠡᠰ᠂ ᠲᠡᠬᠡᠳᠤ ᠲᠡᠰ ᠤᠨ ᠮᠠᠰᠢᠨ ᠲᠤᠨᠤᠬᠯᠠᠯ ᠦᠢᠯᠡᠳᠬᠦ ᠠᠵᠦ ᠦᠢᠯᠡᠰ᠂ ᠰᠢᠨ᠎ᠠ ᠡᠨᠧᠷᠬᠢ ᠶᠢᠨ ᠠᠵᠤ ᠦᠢᠯᠡᠰ᠂ ᠰᠢᠨ᠎ᠠ ᠮᠠᠲ᠋ᠧᠷᠢᠶᠠᠯ ᠤᠨ ᠠᠵᠦ ᠦᠢᠯᠡᠰ᠂ ᠰᠢᠨ᠎ᠠ ᠡᠨᠧᠷᠬᠢ ᠶᠢᠨ ᠮᠠᠰᠢᠨ ᠲᠡᠷᠬᠡᠨ ᠤ ᠠᠵᠦ ᠦᠢᠯᠡᠰ ᠵᠡᠷᠬᠡ ᠲᠤᠯᠤᠭᠠᠨ ᠶᠡᠭᠡ ᠠᠵᠦ ᠦᠢᠯᠡᠰ ᠤᠨ ᠲᠤᠳᠤᠷᠠᠬᠢ ᠠᠵᠦ ᠦᠢᠯᠡᠳᠪᠦᠷᠢ ᠶᠢᠨ ᠬᠠᠮᠢᠶ᠎ᠠ ᠪᠦᠬᠦᠢ ᠠᠵᠢᠯ ᠲᠦᠷᠦᠯ ᠢ ᠪᠠᠭᠳᠠᠭᠠᠨ᠎ᠠ᠃      ︹ 6 ︺ ᠲᠡᠭᠡᠳᠤ ᠮᠡᠷᠬᠡᠵᠢᠯ ᠤᠨ ᠦᠢᠯᠡᠳᠬᠦ ᠦᠢᠯᠡᠰ ᠨᠢ ᠡᠮ ᠡᠮᠨᠡᠯᠬᠡ ᠶᠢᠨ ᠦᠢᠯᠡᠳᠬᠦ ᠦᠢᠯᠡᠰ᠂ ᠠᠭᠠᠷ ᠤᠨ ᠠᠶᠠᠯᠠᠯ᠂ ᠰᠠᠨᠰᠠᠷ ᠤᠨ ᠠᠶᠠᠯᠠᠯ ᠤᠨ ᠪᠠᠭᠠᠵᠢ ᠬᠡᠷᠡᠭᠰᠡᠯ ᠵᠢᠴᠢ ᠲᠦᠬᠦᠬᠡᠷᠦᠮᠵᠢ ᠦᠢᠯᠡᠳᠬᠦ ᠦᠢᠯᠡᠰ᠂ ᠡᠯᠧᠺᠲᠷᠤᠨ ᠵᠢᠴᠢ ᠴᠢᠮᠡᠭᠡ ᠬᠤᠯᠪᠤᠭ᠎ᠠ ᠶᠢᠨ ᠲᠦᠬᠦᠬᠡᠷᠦᠮᠵᠢ ᠦᠢᠯᠡᠳᠬᠦ ᠦᠢᠯᠡᠰ᠂ ᠺᠤᠮᠫᠢᠦ᠋ᠲ᠋ᠧᠷ ᠵᠢᠴᠢ ᠠᠯᠪᠠᠯᠠᠬᠤ ᠲᠦᠬᠦᠬᠡᠷᠦᠮᠵᠢ ᠦᠢᠯᠡᠳᠬᠦ ᠦᠢᠯᠡᠰ᠂ ᠡᠮ ᠡᠮᠨᠡᠯᠬᠡ ᠶᠢᠨ ᠬᠡᠮᠵᠢᠬᠦᠷᠯᠢᠭ ᠤᠨ ᠲᠦᠬᠦᠬᠡᠷᠦᠮᠵᠢ ᠵᠢᠴᠢ ᠬᠡᠮᠵᠢᠬᠦᠷᠯᠢᠭ ᠪᠠᠭᠠᠵᠢ ᠦᠢᠯᠡᠳᠬᠦ ᠦᠢᠯᠡᠰ᠂ ᠮᠡᠳᠡᠭᠡ ᠵᠠᠩᠬᠢ ᠶᠢᠨ ᠬᠢᠮᠢ ᠶᠢᠨ ᠦᠢᠯᠡᠳᠬᠦᠨ ᠦᠢᠯᠡᠳᠬᠦ ᠦᠢᠯᠡᠰ ᠢ ᠪᠠᠭᠳᠠᠭᠠᠨ᠎ᠠ᠃      ︹ 7 ︺ ᠮᠠᠰᠢᠨ ᠲᠤᠨᠤᠬᠯᠠᠯ ᠦᠢᠯᠡᠳᠬᠦ ᠦᠢᠯᠡᠰ ᠨᠢ ᠲᠡᠮᠦᠷᠯᠢᠭ ᠦᠢᠯᠡᠳᠬᠦᠨ ᠤ ᠦᠢᠯᠡᠰ᠂ ᠨᠡᠶᠢᠳᠡᠮ ᠤᠨ ᠬᠡᠷᠡᠭᠯᠡᠬᠡᠨ ᠤ ᠲᠦᠬᠦᠬᠡᠷᠦᠮᠵᠢ ᠦᠢᠯᠡᠳᠬᠦ ᠦᠢᠯᠡᠰ᠂ ᠲᠤᠰᠬᠠᠢ ᠬᠡᠷᠡᠭᠯᠡᠬᠡᠨ ᠤ ᠲᠦᠬᠦᠬᠡᠷᠦᠮᠵᠢ ᠦᠢᠯᠡᠳᠬᠦ ᠦᠢᠯᠡᠰ᠂ ᠮᠠᠰᠢᠨ ᠲᠡᠷᠬᠡ ᠦᠢᠯᠡᠳᠬᠦ ᠦᠢᠯᠡᠰ᠂ ᠲᠡᠮᠦᠷ ᠵᠠᠮ᠂ ᠤᠩᠭᠤᠴᠠ᠂ ᠠᠭᠠᠷ ᠤᠨ ᠠᠶᠠᠯᠠᠯ ᠰᠠᠨᠰᠠᠷ ᠤᠨ ᠠᠶᠠᠯᠠᠯ ᠪᠠ ᠪᠤᠰᠤᠳ ᠵᠦᠬᠡᠬᠡᠪᠦᠷᠢ ᠶᠢᠨ ᠲᠦᠬᠦᠬᠡᠷᠦᠮᠵᠢ ᠦᠢᠯᠡᠳᠬᠦ ᠦᠢᠯᠡᠰ᠂ ᠴᠠᠬᠢᠯᠭᠠᠨ ᠮᠠᠰᠢᠨ ᠮᠧᠬᠠᠨᠢᠬ ᠪᠠ ᠪᠠᠭᠠᠵᠢ ᠬᠡᠷᠡᠭᠰᠡᠯ ᠦᠢᠯᠡᠳᠬᠦ ᠦᠢᠯᠡᠰ᠂ ᠺᠤᠮᠫᠢᠦ᠋ᠲ᠋ᠧᠷ᠂ ᠴᠢᠮᠡᠭᠡ ᠬᠤᠯᠪᠤᠭ᠎ᠠ ᠪᠠ ᠪᠤᠰᠤᠳ ᠡᠯᠧᠺᠲᠷᠤᠨ ᠲᠦᠬᠦᠬᠡᠷᠦᠮᠵᠢ ᠦᠢᠯᠡᠳᠬᠦ ᠦᠢᠯᠡᠰ᠂ ᠬᠡᠮᠵᠢᠬᠦᠷᠯᠢᠭ ᠪᠠᠭᠠᠵᠢ ᠦᠢᠯᠡᠳᠬᠦ ᠦᠢᠯᠡᠰ ᠢ ᠪᠠᠭᠳᠠᠭᠠᠨ᠎ᠠ᠃      ︹8︺ ᠲᠡᠭᠡᠳᠤ ᠮᠡᠷᠬᠡᠵᠢᠯ ᠤᠨ ᠠᠵᠦ ᠦᠢᠯᠡᠰ ᠤᠨ ᠪᠡᠯᠡ ᠤᠷᠤᠭᠤᠯᠤᠯᠳᠠ ᠨᠢ ᠡᠮ ᠡᠮᠨᠡᠯᠬᠡ ᠶᠢᠨ ᠦᠢᠯᠡᠳᠬᠦ ᠦᠢᠯᠡᠰ᠂ ᠠᠭᠠᠷ ᠤᠨ ᠠᠶᠠᠯᠠᠯ ᠰᠠᠨᠰᠠᠷ ᠤᠨ ᠠᠶᠠᠯᠠᠯ ᠤᠨ ᠪᠠᠭᠠᠵᠢ ᠬᠡᠷᠡᠭᠰᠡᠯ ᠵᠢᠴᠢ ᠲᠦᠬᠦᠬᠡᠷᠦᠮᠵᠢ ᠦᠢᠯᠡᠳᠬᠦ ᠦᠢᠯᠡᠰ ᠵᠡᠷᠬᠡ ᠵᠢᠷᠭᠤᠭᠠᠨ ᠶᠡᠭᠡ ᠲᠦᠷᠦᠯ ᠤᠨ ᠲᠡᠭᠡᠳᠤ ᠮᠡᠷᠬᠡᠵᠢᠯ ᠤᠨ ᠦᠢᠯᠡᠳᠬᠦ ᠦᠢᠯᠡᠰ ᠤᠨ ᠪᠡᠯᠡ ᠤᠷᠤᠭᠤᠯᠤᠯᠳᠠ ᠪᠠ ᠮᠡᠳᠡᠭᠡ ᠵᠠᠩᠬᠢ ᠶᠢᠨ ᠦᠢᠯᠡᠴᠢᠯᠡᠭᠡ᠂ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡ ᠵᠡᠷᠬᠡ ᠶᠢᠰᠦᠨ ᠶᠡᠭᠡ ᠲᠦᠷᠦᠯ ᠤᠨ ᠲᠡᠭᠡᠳᠤ ᠮᠡᠷᠬᠡᠵᠢᠯ ᠤᠨ ᠦᠢᠯᠡᠴᠢᠯᠡᠬᠡᠨ ᠤ ᠦᠢᠯᠡᠰ ᠤᠨ ᠪᠡᠯᠡ ᠤᠷᠤᠭᠤᠯᠤᠯᠳᠠ ᠶᠢ ᠪᠠᠭᠳᠠᠭᠠᠨ᠎ᠠ᠃      ︹9︺ ᠠᠵᠦ ᠦᠢᠯᠡᠳᠪᠦᠷᠢ ᠶᠢᠨ ᠮᠡᠷᠬᠡᠵᠢᠯ ᠤᠨ ᠰᠠᠶᠢᠵᠢᠷᠠᠭᠤᠯᠤᠯᠲᠠ ᠶᠢᠨ ᠪᠡᠯᠡ ᠤᠷᠤᠭᠤᠯᠤᠯᠳᠠ ᠨᠢ ᠠᠵᠦ ᠦᠢᠯᠡᠳᠪᠦᠷᠢ ᠶᠢᠨ ᠠᠵᠦ ᠠᠬᠤᠶᠢᠯᠠᠯ ᠰᠢᠨ᠎ᠠ ᠮᠡᠷᠬᠡᠵᠢᠯ᠂ ᠰᠢᠨ᠎ᠠ ᠤᠷ᠎ᠠ ᠮᠡᠷᠬᠡᠰᠢᠯ᠂ ᠰᠢᠨ᠎ᠠ ᠲᠦᠬᠦᠬᠡᠷᠦᠮᠵᠢ᠂ ᠰᠢᠨ᠎ᠠ ᠮᠠᠲ᠋ᠧᠷᠢᠶᠠᠯ ᠢ ᠠᠰᠢᠬᠯᠠᠨ᠂ ᠤᠳᠤ ᠪᠠᠶᠢᠭ᠎ᠠ ᠲᠦᠬᠦᠬᠡᠷᠦᠮᠵᠢ᠂ ᠤᠷ᠎ᠠ ᠮᠡᠷᠬᠡᠰᠢᠯ ᠤᠨ ᠨᠦᠬᠦᠴᠡᠯ ᠵᠢᠴᠢ ᠦᠢᠯᠡᠳᠪᠦᠷᠢᠯᠡᠯ ᠤᠨ ᠦᠢᠯᠡᠴᠢᠯᠡᠭᠡ ᠵᠡᠷᠬᠡ ᠳᠤ ᠰᠠᠶᠢᠵᠢᠷᠠᠭᠤᠯᠤᠯᠲᠠ ᠲᠡᠭᠡᠭᠰᠢᠯᠡᠬᠦᠯᠦᠯᠳᠡ ᠬᠢᠵᠦ᠂ ᠲᠤᠳᠤᠭᠠᠳᠤ ᠠᠭᠤᠯᠤᠬᠳᠠᠬᠤᠨ ᠤ ᠬᠡᠯᠪᠡᠷᠢ ᠶᠢᠨ ᠬᠦᠭᠵᠢᠯᠳᠡ ᠶᠢ ᠪᠡᠶᠡᠯᠡᠬᠦᠯᠬᠦ ᠪᠡᠯᠡ ᠤᠷᠤᠭᠤᠯᠤᠯᠳᠠ  ᠶᠢᠨ  ᠠᠵᠢᠯᠯᠠᠭ᠎ᠠ  ᠶᠢ  ᠵᠢᠭᠠᠨ᠎ᠠ᠃      ︹ 10 ︺ ᠭᠤᠤᠯ ᠪᠤᠯᠬᠤ ᠠᠵᠦ ᠦᠢᠯᠡᠳᠪᠦᠷᠢ ᠶᠢᠨ ᠦᠢᠯᠡᠳᠬᠦᠨ ᠤ ᠦᠢᠯᠡᠳᠪᠦᠷᠢᠯᠡᠯ ᠤᠨ ᠬᠡᠮᠵᠢᠶ᠎ᠠ ᠲᠤᠳᠤᠷ᠎ᠠ᠂ ᠲᠦᠬᠦᠬᠡᠢ ᠨᠡᠬᠦᠷᠡᠰᠦ᠂ ᠬᠡᠤᠷᠡᠰᠤ᠂ ᠲᠦᠬᠦᠬᠡᠢ ᠴᠢᠯᠠᠭᠤᠨ ᠲᠤᠰᠤ᠂ ᠴᠠᠬᠢᠯᠭᠠᠨ ᠭᠠᠷᠭᠠᠬᠰᠠᠨ ᠬᠡᠮᠵᠢᠶ᠎ᠠ ᠶᠢ ᠪᠦᠬᠦ ᠨᠡᠶᠢᠭᠡᠮ ᠤᠨ ᠪᠦᠷᠢᠳᠬᠡᠯ ᠤᠨ ᠠᠷᠭ᠎ᠠ ᠪᠠᠷ ᠪᠤᠳᠤᠵᠦ᠂ ᠪᠤᠰᠤᠳ ᠢ ᠨᠢ ᠬᠡᠪᠴᠢᠶᠡᠵᠢᠯ ᠠᠴᠠ ᠲᠡᠭᠡᠭᠰᠢᠬᠢ ᠠᠵᠦ ᠦᠢᠯᠡᠳᠪᠦᠷᠢ ᠶᠢᠨ ᠠᠵᠦ ᠠᠬᠤᠶᠢᠯᠠᠯ ᠤᠨ ᠪᠦᠷᠢᠳᠬᠡᠯ ᠤᠨ ᠠᠷᠭ᠎ᠠ ᠪᠠᠷ ᠪᠤᠳᠤᠵᠠᠢ᠃      ︹11︺ ᠠᠷᠠᠳ ᠤᠨ ᠲᠤᠬᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠨᠢ ᠬᠠᠮᠳᠤ᠂ ᠬᠤᠪᠢ ᠶᠢᠨ ᠡᠵᠡᠩᠨᠡᠭᠰᠡᠨ᠂ ᠬᠤᠪᠢ ᠬᠦᠮᠦᠨ ᠤ ᠰᠢᠨᠵᠢ ᠴᠢᠨᠠᠷᠳᠠᠢ ᠲᠤᠳᠤᠭᠠᠳᠤ ᠪᠡᠯᠡ ᠶᠢᠨ ᠠᠵᠦ ᠠᠬᠤᠶᠢᠯᠠᠯ ᠪᠠ ᠠᠵᠢᠯ ᠦᠢᠯᠡᠰ ᠤᠨ ᠨᠢᠬᠡᠴᠢ ᠵᠢᠴᠢ ᠲᠡᠬᠦᠨ ᠤ ᠬᠤᠪᠢ ᠡᠵᠡᠮᠳᠡᠭᠰᠡᠨ ︵ᠬᠠᠷᠢᠴᠠᠯᠠᠰᠢᠬᠦᠢ ᠬᠤᠪᠢ ᠡᠵᠡᠮᠳᠡᠭᠰᠡᠨ ᠪᠠ ᠬᠠᠷᠢᠴᠠᠩᠭᠤᠢ ᠬᠤᠪᠢ ᠡᠵᠡᠮᠳᠡᠭᠰᠡᠨ ᠢ ᠪᠠᠭᠳᠠᠭᠠᠨ᠎ᠠ︶ ᠠᠵᠦ ᠠᠬᠤᠶᠢᠯᠠᠯ ᠨᠢᠬᠡᠴᠢ ᠠᠴᠠ ᠪᠦᠲᠦᠬᠡᠨ ᠪᠠᠶᠢᠭᠤᠯᠤᠭᠰᠠᠨ ᠪᠤᠶᠤ ᠬᠤᠳᠠᠯᠳᠤᠨ ᠠᠪᠤᠬᠰᠠᠨ ᠲᠤᠬᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢ ᠵᠢᠭᠠᠨ᠎ᠠ᠃      ︹ 12 ︺ ᠭᠡᠷ ᠭᠠᠵᠠᠷ ᠤᠨ ᠬᠦᠷᠦᠩᠬᠡ ᠶᠢᠨ ᠠᠵᠦ ᠦᠢᠯᠡᠰ ᠤᠨ ᠪᠡᠯᠡ ᠤᠷᠤᠭᠤᠯᠤᠯᠳᠠ ᠨᠢ ᠭᠡᠷ ᠭᠠᠵᠠᠷ ᠤᠨ ᠬᠦᠷᠦᠩᠬᠡ ᠶᠢᠨ ᠨᠡᠬᠡᠬᠡᠯᠳᠡ ᠶᠢᠨ ᠪᠡᠯᠡ ᠤᠷᠤᠭᠤᠯᠤᠯᠳᠠ ᠠᠴᠠ ᠭᠠᠳᠠᠨ᠎ᠠ᠂ ᠪᠠᠰᠠ ᠪᠦᠲᠦᠬᠡᠨ ᠪᠠᠶᠢᠭᠤᠯᠤᠯᠲᠠ ᠶᠢᠨ ᠨᠢᠬᠡᠴᠢ ᠶᠢᠨ ᠦᠪᠡᠷ ᠢᠶᠠᠨ ᠪᠦᠲᠦᠬᠡᠨ ᠪᠠᠶᠢᠭᠤᠯᠤᠭᠰᠠᠨ ᠠᠰᠠᠷ ᠪᠠᠶᠢᠰᠢᠩ ᠵᠢᠴᠢ ᠠᠳᠠᠯ ᠠᠬᠤᠢ ᠶᠢᠨ ᠬᠠᠮᠢᠶᠠᠷᠤᠯᠳᠠ᠂ ᠵᠠᠭᠤᠴᠢ ᠦᠢᠯᠡᠴᠢᠯᠡᠭᠡ ᠪᠠ ᠪᠤᠰᠤᠳ ᠭᠡᠷ ᠭᠠᠵᠠᠷ ᠤᠨ ᠬᠦᠷᠦᠩᠬᠡ ᠶᠢᠨ ᠪᠡᠯᠡ ᠤᠷᠤᠭᠤᠯᠤᠯᠳᠠ ᠶᠢ ᠪᠠᠭᠳᠠᠭᠠᠨ᠎ᠠ᠃      ︹13︺ ︽ᠨᠢᠬᠡ ᠪᠦᠰᠡ ᠨᠢᠬᠡ ᠵᠠᠮ︾ ᠨᠢ ︽ᠲᠤᠷᠭᠠᠨ ᠵᠠᠮ ᠤᠨ ᠠᠵᠦ ᠠᠬᠤᠢ ᠶᠢᠨ ᠪᠦᠰᠡ︾ ᠪᠠ ︽21 ᠳ᠋ᠤᠬᠡᠷ ᠵᠠᠭᠤᠨ ᠤ ᠲᠠᠯᠠᠢ ᠲᠡᠬᠡᠷᠡᠬᠢ ᠲᠤᠷᠭᠠᠨ ᠵᠠᠮ︾ ᠢ ᠵᠢᠭᠠᠨ᠎ᠠ᠃      ︹ 14 ︺ ᠢᠨᠲ᠋ᠧᠷ ᠰᠦᠯᠵᠢᠶ᠎ᠠ ᠶᠢᠨ ᠦᠷᠬᠡᠨ ᠪᠦᠰᠡ ᠶᠢᠨ ᠬᠡᠷᠡᠭᠯᠡᠭᠴᠢ ᠨᠢ ᠮᠡᠳᠡᠬᠦᠯᠦᠯᠳᠡ ᠶᠢᠨ ᠬᠤᠭᠤᠴᠠᠭᠠᠨ ᠡᠴᠦᠰ ᠲᠤ ᠴᠠᠬᠢᠯᠭᠠᠨ ᠬᠤᠯᠪᠤᠭ᠎ᠠ ᠶᠢᠨ ᠠᠵᠦ ᠠᠬᠤᠶᠢᠯᠠᠯ ᠳᠤ ᠪᠦᠷᠢᠳᠬᠡᠬᠦᠯᠤᠨ ᠲᠠᠩᠰᠠᠯᠠᠭᠤᠯᠵᠦ᠂ xDSL᠂ FTTx+LAN᠂ FTTH/O ᠵᠢᠴᠢ ᠪᠤᠰᠤᠳ ᠦᠷᠬᠡᠨ ᠪᠦᠰᠡ ᠶᠢᠨ ᠵᠠᠯᠭᠠᠯᠳᠠ ᠶᠢᠨ ᠠᠷᠭ᠎ᠠ ᠬᠡᠯᠪᠡᠷᠢ ᠪᠠ ᠡᠩ ᠤᠨ ᠲᠤᠰᠬᠠᠢ ᠤᠳᠠᠰᠤ ᠪᠠᠷ ᠲᠠᠮᠵᠢᠵᠦ᠂ ᠤᠯᠠᠨ ᠨᠡᠶᠢᠲᠡ ᠶᠢᠨ ᠢᠨᠲ᠋ᠧᠷ ᠰᠦᠯᠵᠢᠶ᠎ᠠ ᠳᠤ ᠵᠠᠯᠭᠠᠬᠤ ᠬᠡᠷᠡᠭᠯᠡᠭᠴᠢ ᠶᠢ ᠵᠢᠭᠠᠨ᠎ᠠ᠃      ︹15︺ ᠰᠢᠯᠵᠢᠬᠡ ᠢᠨᠲ᠋ᠧᠷ ᠰᠦᠯᠵᠢᠶ᠎ᠠ ᠶᠢᠨ ᠬᠡᠷᠡᠭᠯᠡᠭᠴᠢ ᠨᠢ ᠮᠡᠳᠡᠬᠦᠯᠦᠯᠳᠡ ᠶᠢᠨ ᠬᠤᠭᠤᠴᠠᠭᠠᠨ ᠡᠴᠦᠰ ᠲᠤ ᠰᠦᠢᠳᠬᠡᠯ ᠢ ᠪᠤᠳᠤᠬᠤ ᠰᠢᠰᠲ᠋ᠧᠮ ᠳᠤ ᠮᠡᠳᠡᠭᠡ ᠵᠠᠩᠬᠢ ᠶᠢ ᠬᠦᠷᠳᠡᠨ ᠬᠡᠷᠡᠭᠯᠡᠵᠦ᠂ 3G ᠪᠤᠶᠤ 4G ᠰᠦᠯᠵᠢᠶ᠎ᠠ ᠶᠢᠨ ᠡᠬᠢ ᠪᠠᠶᠠᠯᠢᠬ ᠢ ᠬᠡᠷᠡᠭᠯᠡᠵᠦ ᠪᠠᠶᠢᠭ᠎ᠠ ᠰᠦᠯᠵᠢᠶᠡᠨ ᠳᠤ ᠪᠠᠶᠢᠭ᠎ᠠ ᠬᠡᠷᠡᠭᠯᠡᠭᠴᠢ ᠶᠢ ᠵᠢᠭᠠᠨ᠎ᠠ᠃      ︹ 16 ︺ ᠲᠤᠬᠠᠶᠢᠯᠠᠭᠰᠠᠨ ᠠᠵᠢᠯ ᠤᠨ ᠲᠠᠭᠠᠳᠬᠠᠯ ᠤᠨ ᠰᠦᠢᠳᠬᠡᠯ ᠤᠨ ᠤᠷᠤᠯᠭ᠎ᠠ ᠨᠢ ᠲᠠᠭᠠᠳᠬᠠᠯ ᠤᠨ ᠠᠵᠦ ᠠᠬᠤᠶᠢᠯᠠᠯ ᠠᠴᠠ ᠲᠤᠭᠳᠠᠭᠠᠬᠰᠠᠨ ᠲᠤᠬᠠᠶᠢᠯᠠᠭᠰᠠᠨ ᠠᠵᠢᠯ ᠤᠨ ᠲᠠᠭᠠᠳᠬᠠᠯ ᠤᠨ ᠬᠡᠷ᠎ᠠ ᠶᠢᠨ ᠲᠠᠭᠠᠳᠬᠠᠯ ᠤᠨ ᠰᠦᠢᠳᠬᠡᠯ ᠤᠨ ᠤᠷᠤᠯᠭ᠎ᠠ ᠶᠢ ᠵᠢᠭᠠᠨ᠎ᠠ᠃      ︹17︺ ᠭᠡᠪᠴᠢᠶᠡᠵᠢᠯ ᠠᠴᠠ ᠳᠡᠭᠡᠭᠰᠢᠬᠢ ᠠᠵᠦ ᠦᠢᠯᠡᠳᠪᠦᠷᠢ ᠶᠢᠨ ᠶᠡᠷᠦᠩᠬᠡᠢ ᠡᠨᠧᠷᠬᠢ ᠶᠢᠨ ᠬᠡᠷᠡᠭᠯᠡᠭᠡ ᠶᠢ ᠠᠳᠠᠯᠢ ᠪᠦᠷᠢᠤᠨᠭᠡᠯ ᠤᠨ ᠠᠷᠭ᠎ᠠ ᠪᠡ ᠭᠡᠪᠴᠢᠶ᠎ᠠ ᠪᠠᠷ ᠳᠡᠩᠴᠡᠯ ᠦᠷᠳᠡᠭ ᠢᠶᠠᠷ ᠪᠤᠳᠤᠵᠠᠢ᠃ ᠭᠤᠤᠯ ᠪᠤᠯᠬᠤ ᠡᠨᠧᠷᠬᠢ ᠶᠢᠨ ᠬᠤᠷᠤᠬᠳᠠᠯ ᠤᠨ ᠠᠵᠦ ᠦᠢᠯᠡᠳᠪᠦᠷᠢ ᠶᠢᠨ ᠠᠵᠦ ᠠᠬᠤᠶᠢᠯᠠᠯ ᠨᠢ ᠵᠢᠯ ᠤᠨ ᠶᠡᠷᠦᠩᠬᠡᠢ ᠡᠨᠧᠷᠬᠢ ᠶᠢᠨ ᠬᠤᠷᠤᠭᠳᠠᠯ ᠨᠢ 1 ᠳᠦᠮᠡᠨ ᠳᠤᠨ ᠪᠠᠷᠢᠮᠵᠢᠶ᠎ᠠ ᠨᠡᠬᠦᠷᠡᠰᠦ ᠵᠢᠴᠢ ᠡᠭᠦᠨ ᠠᠴᠠ ᠲᠡᠭᠡᠭᠰᠢᠬᠢ ᠠᠵᠦ ᠦᠢᠯᠡᠳᠪᠦᠷᠢ ᠶᠢᠨ ᠠᠵᠦ ᠠᠬᠤᠶᠢᠯᠠᠯ ᠢ ᠵᠢᠭᠠᠨ᠎ᠠ᠃      ᠮᠠᠲ᠋ᠧᠷᠢᠶᠠᠯ ᠤᠨ ᠢᠷᠡᠯᠲᠡ᠄      ᠲᠤᠰ ᠠᠯᠪᠠᠨ ᠮᠡᠳᠡᠭᠡ ᠳᠠᠬᠢ ᠬᠤᠲᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠠᠵᠢᠯ ᠣᠯᠭᠤᠯᠲᠠ᠂ ᠠᠵᠢᠯ ᠠᠯᠳᠠᠭᠰᠠᠳ ᠲᠤ ᠳᠠᠬᠢᠨ ᠠᠵᠢᠯ ᠣᠯᠭᠤᠭᠰᠠᠨ᠂ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ᠂ ᠨᠡᠶᠢᠭᠡᠮ ᠤᠨ ᠪᠠᠳᠤᠯᠠᠪᠤᠷᠢ ᠶᠢᠨ ᠲᠤᠭ᠎ᠠ ᠪᠠᠷᠢᠮᠳᠠ ᠨᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠢᠷᠡᠯᠳᠡ ᠲᠠᠢ︔ ᠦᠨ᠎ᠡ ᠬᠠᠩᠰᠢ ᠶᠢᠨ ᠵᠢᠭᠠᠯᠳᠠ ᠲᠤᠭ᠎ᠠ᠂  ᠠᠷᠠᠳ   ᠤᠨ  ᠠᠮᠢᠳᠤᠷᠠᠯ᠂ ᠠᠮᠤ ᠪᠤᠳᠠᠭ᠎ᠠ ᠲᠠᠷᠢᠮᠠᠯ ᠤᠨ ᠲᠠᠯᠠᠪᠠᠢ᠂ ᠠᠮᠤ ᠪᠤᠳᠠᠭᠠᠨ ᠤ ᠤᠨᠠᠯᠳᠠ ᠶᠢᠨ ᠬᠡᠮᠵᠢᠶ᠎ᠡ᠂ ᠭᠠᠭ᠋ᠠᠢ ᠦᠬᠡᠷ ᠬᠤᠨᠢ ᠵᠢᠭᠦᠷᠳᠡᠨ ᠤ ᠮᠢᠬᠠᠨ ᠤ ᠭᠠᠷᠤᠯᠳᠠ ᠶᠢᠨ ᠬᠡᠮᠵᠢᠶ᠎ᠡ᠂ ᠵᠢᠭᠦᠷᠲᠡᠨ ᠤ ᠥᠨᠳᠡᠭᠡᠨ ᠤ ᠭᠠᠷᠤᠯᠲᠠ ᠶᠢᠨ ᠬᠡᠮᠵᠢᠶ᠎ᠡ᠂ ᠰᠦ ᠶᠢᠨ ᠭᠠᠷᠤᠯᠳᠠ ᠶᠢᠨ ᠬᠡᠮᠵᠢᠶ᠎ᠡ᠂ ᠭᠠᠭ᠋ᠠᠢ ᠦᠬᠡᠷ ᠬᠤᠨᠢᠨ ᠤ ᠲᠤᠭ᠎ᠠ ᠪᠠᠷᠢᠮᠲᠠ ᠨᠢ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠥᠪᠥᠷ ᠮᠣᠩᠭᠤᠯ ᠤᠨ ᠪᠠᠶᠢᠴᠠᠭᠠᠯᠳᠠ ᠶᠢᠨ ᠶᠡᠷᠦᠩᠬᠡᠢ ᠠᠩᠭᠢ ᠠᠴᠠ ᠢᠷᠡᠯᠳᠡ ᠲᠠᠢ︔ ᠨᠡᠭᠦᠷᠡᠰᠦᠨ ᠤ ᠦᠢᠯᠡᠳᠪᠦᠷᠢᠯᠡᠯ ᠤᠨ ᠴᠢᠳᠠᠪᠤᠷᠢ ᠠᠴᠠ ᠤᠬᠤᠷᠢᠨ ᠭᠠᠷᠤᠭᠰᠠᠨ ᠳᠤᠭ᠎ᠠ ᠪᠠᠷᠢᠮᠳᠠ ᠨᠢ ᠮᠡᠳᠡᠭᠡ ᠵᠠᠩᠭᠢᠴᠢᠯᠠᠯᠲᠠ ᠶᠢᠨ ᠲᠢᠩᠬᠢᠮ ᠠᠴᠠ ᠢᠷᠡᠯᠳᠡ ᠲᠠᠢ︔ ᠬᠤᠴᠣᠷᠤᠩᠭᠤᠶ ᠪᠠᠭ᠎ᠠ ᠢᠯᠴᠢ ᠶᠢᠨ ᠴᠠᠬᠢᠯᠭᠠᠨ ᠤ ᠦᠢᠯᠡᠳᠪᠦᠷᠢ ᠶᠢᠨ ᠡᠭᠦᠳᠡ ᠶᠢ ᠨᠢ ᠬᠠᠭᠠᠯᠭᠠᠭᠰᠠᠨ ᠲᠤᠭ᠎ᠠ ᠪᠠᠷᠢᠮᠲᠠ ᠨᠢ ᠡᠨᠧᠷᠭᠢ ᠶᠢᠨ ᠲᠣᠪᠴᠢᠶ᠎ᠠ ᠠᠴᠠ ᠢᠷᠡᠯᠳᠡ ᠲᠠᠢ︔ ᠮᠠᠯ ᠠᠵᠤ ᠠᠬᠤᠶ ᠲᠠᠷᠢᠶᠠᠯᠠᠩ ᠤᠨ ᠮᠠᠰᠢᠨ ᠮᠧᠬᠠᠨᠢᠭ ᠤᠨ ᠶᠡᠷᠦᠩᠬᠡᠶ ᠬᠥᠳᠡᠯᠭᠡᠬᠦ ᠬᠦᠴᠦᠨ ᠤ ᠳᠤᠭ᠎ᠠ ᠪᠠᠷᠢᠮᠳᠠ ᠨᠢ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ ᠢᠷᠡᠯᠳᠡ ᠲᠠᠢ︔ ᠭᠠᠳᠠᠭᠠᠳᠤ ᠠᠷᠠᠯᠵᠢᠶᠠᠨ ᠤ ᠳᠤᠭ᠎ᠠ ᠪᠡᠷᠢᠮᠳᠠ ᠨᠢ ᠬᠥᠬᠡᠬᠤᠲᠠ ᠪᠣᠭᠤᠮᠲᠠ ᠠᠴᠠ ᠢᠷᠡᠯᠳᠡ ᠲᠠᠢ︔ ᠪᠣᠳᠠᠲᠠᠶ ᠠᠰᠢᠬᠯᠠᠭᠰᠠᠨ ᠭᠠᠳᠠᠭᠠᠳᠤ ᠪᠡᠯᠡ ᠨᠢ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠢᠷᠡᠯᠳᠡ ᠲᠠᠢ︔ ᠳᠠᠩᠰᠠᠯᠠᠭᠤᠯᠤᠭᠰᠠᠨ ᠠᠵᠤ ᠠᠬᠤᠶᠢᠯᠠᠯ ᠤᠨ ᠲᠤᠭ᠎ᠠ ᠪᠠ ᠪᠦᠲᠦᠭᠡᠭᠳᠡᠬᠦᠨ ᠤ ᠶᠠᠰᠤ ᠴᠢᠨᠠᠷ ᠤᠨ ᠰᠢᠯᠭᠠᠨ ᠪᠠᠶᠢᠴᠠᠭᠠᠯᠳᠠ ᠶᠢᠨ ᠭᠡᠷᠡᠴᠢ ᠦᠨᠡᠮᠯᠡᠯ ᠲᠠᠢ ᠪᠠᠶᠢᠭᠤᠯᠤᠮᠵᠢ ᠶᠢᠨ ᠲᠤᠭ᠎ᠠ ᠪᠠᠷᠢᠮᠲᠠ ᠨᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠢᠷᠡᠯᠳᠡ  ᠲᠠᠢ︔ ᠠᠶᠠᠨᠴᠢᠨ ᠤ ᠵᠦᠭᠡᠭᠡᠪᠦᠷᠢ ᠪᠠ ᠪᠠᠷᠠᠭ᠎ᠠ ᠲᠡᠭᠡᠭᠡᠪᠦᠷᠢ ᠶᠢᠨ ᠬᠡᠮᠵᠢᠶ᠎ᠡ᠂ ᠠᠶᠠᠨᠴᠢᠨ ᠤ ᠵᠦᠭᠡᠭᠡᠪᠦᠷᠢ ᠪᠠ ᠪᠠᠷᠠᠭ᠎ᠠ ᠲᠡᠭᠡᠭᠡᠪᠦᠷᠢ ᠶᠢᠨ ᠡᠷᠭᠢᠯᠲᠡ ᠶᠢᠨ ᠬᠡᠮᠵᠢᠶ᠎ᠡ ᠶᠢᠨ ᠲᠤᠭ᠎ᠠ ᠪᠠᠷᠢᠮᠲᠠ ᠨᠢ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠲᠡᠮᠦᠷ ᠵᠠᠮ ᠤᠨ ᠰᠠᠯᠠᠭ᠎ᠠ ᠮᠥᠴᠢᠷ ᠪᠣᠯᠤᠨ ᠠᠷᠠᠳ ᠤᠨ ᠠᠭᠠᠷ ᠤᠨ ᠠᠶᠠᠯᠠᠯ ᠤᠨ ᠰᠠᠯᠠᠭ᠎ᠠ ᠮᠥᠴᠢᠷ ᠠᠴᠠ ᠢᠷᠡᠯᠳᠡ ᠲᠠᠢ︔ ᠮᠠᠰᠢᠨ ᠲᠡᠷᠭᠡᠨ ᠤ ᠲᠤᠭ᠎ᠠ ᠨᠢ ᠳᠣᠲᠣᠭᠠᠳᠤ ᠶᠢ ᠬᠠᠮᠠᠭᠠᠯᠠᠬᠤ ᠲᠢᠩᠬᠢᠮ ᠠᠴᠠ ᠢᠷᠡᠯᠳᠡ ᠲᠠᠢ︔ ᠴᠠᠬᠢᠯᠭᠠᠨ ᠬᠤᠯᠪᠣᠭᠠᠨ ᠤ ᠲᠤᠭ᠎ᠠ᠂ ᠳ᠋ᠢᠶᠠᠩᠬᠤᠸᠠ ᠶᠢᠨ ᠳᠤᠭ᠎ᠠ᠂ ᠰᠢᠯᠵᠢᠭᠡ ᠢᠨᠲ᠋ᠧᠷ ᠰᠦᠯᠵᠢᠶᠡᠨ ᠤ ᠲᠤᠭ᠎ᠠ ᠨᠢ ᠴᠢᠮᠡᠭᠡ ᠬᠤᠯᠪᠣᠭᠠᠨ ᠤ ᠬᠠᠮᠢᠶᠠᠷᠤᠯᠲᠠ ᠶᠢᠨ ᠲᠣᠪᠴᠢᠶ᠎ᠠ ᠠᠴᠠ ᠢᠷᠡᠯᠳᠡ ᠲᠠᠢ︔ ᠰᠢᠦᠳᠠᠨ ᠤ ᠶᠠᠪᠤᠳᠠᠯ ᠤᠨ ᠠᠵᠢᠯ ᠤᠨ ᠬᠡᠮᠵᠢᠶ᠎ᠡ᠂ ᠲᠦᠷᠭᠡᠨ ᠬᠦᠷᠭᠡᠯᠳᠡ ᠶᠢᠨ ᠦᠢᠯᠡᠰ ᠤᠨ ᠠᠵᠢᠯ ᠤᠨ ᠬᠡᠮᠵᠢᠶ᠎ᠡ ᠨᠢ ᠰᠢᠤᠳᠠᠨ ᠤ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠠᠴᠠ ᠢᠷᠡᠯᠳᠡ ᠲᠠᠢ︔ ᠤᠷᠠᠨ ᠰᠠᠶᠢᠬᠠᠨ ᠤ ᠲᠣᠭᠯᠠᠯᠲᠠ ᠶᠢᠨ ᠪᠦᠯᠬᠦᠮ ᠴᠤᠭᠴᠠ᠂ ᠰᠣᠶᠣᠯ ᠤᠨ ᠤᠷᠳᠤᠨ᠂ ᠤᠯᠠᠨ ᠨᠡᠶᠢᠲᠡ ᠶᠢᠨ ᠨᠣᠮ   ᠤᠨ  ᠰᠠᠩ  ᠂  ᠮᠦᠽᠧᠶ᠂ ᠵᠢᠭᠤᠯᠴᠢᠯᠠᠯ ᠤᠨ ᠲᠤᠭ᠎ᠠ ᠪᠠᠷᠢᠮᠲᠠ ᠨᠢ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠢᠷᠡᠯᠳᠡ ᠲᠠᠢ︔ ᠡᠳ᠋ ᠤᠨ ᠵᠠᠰᠠᠭ ᠤᠨ ᠲᠤᠭ᠎ᠠ ᠪᠠᠷᠢᠮᠳᠠ ᠨᠢ ᠡᠳ᠋ ᠤᠨ ᠵᠠᠰᠠᠭ ᠤᠨ ᠲᠢᠩᠬᠢᠮ ᠠᠴᠠ ᠢᠷᠡᠯᠳᠡ ᠲᠠᠢ︔ ᠮᠥᠩᠭᠦᠨ ᠭᠦᠢᠯᠭᠡᠭᠡᠨ ᠤ ᠲᠤᠭ᠎ᠠ ᠪᠠᠷᠢᠮᠳᠠ ᠨᠢ ᠠᠷᠠᠳ ᠤᠨ ᠪᠠᠩᠬᠢ ᠶᠢᠨ ᠬᠥᠬᠡᠬᠤᠲᠠ ᠶᠢᠨ ᠲᠥᠪ ᠰᠠᠯᠪᠤᠷᠢ ᠪᠠᠩᠬᠢ ᠠᠴᠠ ᠢᠷᠡᠯᠳᠡ ᠲᠠᠢ︔ ᠳᠠᠭᠠᠳᠬᠠᠯ ᠤᠨ ᠲᠤᠭ᠎ᠠ ᠪᠠᠷᠢᠮᠲᠠ ᠨᠢ ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠢᠷᠡᠯᠳᠡ ᠲᠠᠢ︔ ᠡᠮ ᠡᠮᠨᠡᠯᠭᠡ ᠶᠢᠨ ᠪᠠᠲᠤᠯᠠᠭ᠎ᠠ ᠶᠢᠨ ᠳᠤᠭ᠎ᠠ ᠪᠠᠷᠢᠮᠳᠠ ᠨᠢ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠢᠷᠡᠯᠳᠡ ᠲᠠᠢ︔ ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ ᠲᠤᠭ᠎ᠠ᠂ ᠰᠣᠷᠣᠭᠴᠢ ᠶᠢᠨ ᠲᠤᠭ᠎ᠠ᠂ ᠰᠤᠷᠭᠠᠭᠤᠯᠢ ᠳᠠᠪᠰᠢᠭᠰᠡᠨ ᠰᠤᠷᠤᠭᠴᠢᠳ ᠤᠨ ᠳᠤᠭ᠎ᠠ ᠪᠠᠷᠢᠮᠳᠠ ᠨᠢ ᠰᠤᠷᠭᠠᠨ ᠬᠥᠮᠦᠵᠢᠯ ᠤᠨ ᠲᠢᠩᠬᠢᠮ ᠠᠴᠠ ᠢᠷᠡᠯᠳᠡ ᠲᠠᠢ︔ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ᠂ ᠣᠨᠣᠯ ᠤᠨ ᠦᠷ᠎ᠡ ᠪᠦᠲᠦᠭᠡᠯ᠂ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠪᠠ ᠵᠥᠭᠡᠯᠡᠨ ᠰᠢᠨᠵᠢᠯᠡᠬᠦ ᠤᠬᠠᠭᠠᠨ ᠤ ᠦᠷ᠎ᠡ ᠪᠦᠲᠦᠭᠡᠯ ᠤᠨ ᠲᠤᠭ᠎ᠠ᠂ ᠲᠤᠰᠬᠠᠶ ᠠᠰᠢᠭ ᠤᠨ ᠲᠤᠭ᠎ᠠ᠂ ᠭᠡᠷ᠎ᠡ ᠲᠣᠭᠲᠠᠨ ᠠᠷᠠᠯᠵᠢᠶ᠎ᠠ ᠪᠦᠳᠦᠭᠰᠡᠨ ᠪᠡᠯᠡ ᠮᠦᠩᠭᠦ ᠶᠢᠨ ᠲᠤᠭ᠎ᠠ ᠬᠡᠮᠵᠢᠶ᠎ᠡ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠠᠴᠠ ᠢᠷᠡᠯᠳᠡ ᠲᠠᠢ︔ ᠲᠧᠯᠸᠢᠰ ᠷᠠᠳᠢᠣ᠋ ᠨᠡᠪᠲᠡᠷᠡᠭᠦᠯᠭᠡ ᠶᠢᠨ ᠪᠦᠷᠬᠦᠴᠡ ᠶᠢᠨ ᠨᠤᠷᠮ᠎ᠠ᠂ ᠬᠡᠷᠡᠭᠯᠡᠭᠴᠢ ᠶᠢᠨ ᠲᠤᠭ᠎ᠠ ᠨᠢ ᠷᠠᠳᠢᠣ᠋ ᠲᠧᠯᠸᠢᠰ ᠤᠨ ᠲᠣᠪᠴᠢᠶ᠎ᠠ ᠠᠴᠠ ᠢᠷᠡᠯᠳᠡ ᠲᠠᠢ︔ ᠪᠡᠶ᠎ᠡ ᠶᠢᠨ ᠲᠠᠮᠢᠷ ᠤᠨ ᠳᠤᠭ᠎ᠠ ᠪᠠᠷᠢᠮᠳᠠ ᠨᠢ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠢᠷᠡᠯᠳᠡ ᠲᠠᠢ︔ ᠡᠮ ᠡᠮᠨᠡᠯᠭᠡ ᠡᠷᠡᠭᠦᠯ ᠬᠠᠮᠠᠭᠠᠯᠠᠯ ᠤᠨ ᠲᠤᠭ᠎ᠠ ᠪᠠᠷᠢᠮᠳᠠ ᠨᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠢᠷᠡᠯᠳᠡ ᠲᠠᠢ︔ ᠺᠢᠨᠣ᠋ ᠶᠢᠨ ᠳᠤᠭ᠎ᠠ ᠪᠠᠷᠢᠮᠳᠠ ᠨᠢ ᠺᠢᠨᠣ᠋ ᠶᠢᠨ ᠪᠦᠯᠦᠭᠯᠡᠯ ᠠᠴᠠ ᠢᠷᠡᠯᠳᠡ ᠲᠠᠢ︔ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠲᠤᠭ᠎ᠠ᠂ ᠠᠰᠠᠷᠠᠮᠵᠢ ᠶᠢᠨ ᠪᠠᠶᠢᠭᠤᠯᠤᠮᠵᠢ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠪᠤᠷᠢ᠂ ᠠᠰᠠᠷᠠᠮᠵᠢ ᠶᠢᠨ ᠦᠢᠯᠡᠰ ᠤᠨ ᠱᠠᠩᠨᠠᠯᠲᠤ ᠰᠤᠭᠤᠯᠤᠭ᠎ᠠ ᠶᠢᠨ ᠪᠣᠷᠣᠯᠠᠭᠤᠯᠭ᠎ᠠ ᠶᠢᠨ ᠲᠤᠭ᠎ᠠ ᠨᠢ ᠠᠷᠠᠳ ᠤᠨ ᠶᠠᠪᠤᠳᠠᠯ ᠤᠨ ᠲᠢᠩᠬᠢᠮ ᠠᠴᠠ ᠢᠷᠡᠯᠳᠡ ᠲᠠᠢ︔ ᠤᠢ ᠰᠢᠭᠤᠶ ᠶᠢᠨ ᠲᠤᠭ᠎ᠠ ᠪᠠᠷᠢᠮᠲᠠ ᠨᠢ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠢᠷᠡᠯᠳᠡ ᠲᠠᠢ︔ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠤᠭ᠎ᠠ ᠵᠢᠴᠢ ᠲᠠᠯᠠᠪᠠᠶ ᠨᠢ ᠠᠮᠢ ᠠᠬᠤᠶ ᠤᠷᠴᠢᠨ ᠳᠤᠭᠤᠷᠢᠨ ᠤ ᠳᠢᠩᠬᠢᠮ ᠠᠴᠠ ᠢᠷᠡᠯᠳᠡ ᠲᠠᠢ᠃ ᠪᠤᠰᠤᠳ ᠲᠤᠭ᠎ᠠ ᠪᠠᠷᠢᠮᠲᠠ ᠨᠢ ᠪᠦᠷ ᠳᠤᠭ᠎ᠠ ᠪᠦᠷᠢᠳᠭᠡᠯ ᠤᠨ ᠲᠣᠪᠴᠢᠶ᠎ᠠ ᠠᠴᠠ ᠢᠷᠡᠯᠳᠡ ᠲᠠᠢ᠃
        ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ