ᠦᠪᠦᠷ ᠵᠠᠰᠠᠭ ᠲᠠᠷᠬᠠᠭᠠᠭᠰᠠᠨ ﹇2018﹈ 44 ᠳ᠋ᠤᠭᠡᠷ ᠲᠣᠭᠠᠲᠤ | | | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ᠂ ᠦᠪᠡᠷᠳᠡᠬᠡᠨ | ᠵᠠᠰᠠᠬᠤ ᠤᠷᠤᠨ ᠤ ᠡᠯ᠎ᠡ ᠵᠦᠪᠯᠡᠯ᠂ ᠠᠯᠪᠠᠨ ᠬᠡᠷ᠂ ᠲᠢᠩᠬᠢᠮ᠂ ᠲᠤᠪᠴᠢᠶ᠎ᠡ᠂ ᠡᠯ᠎ᠡ ᠲᠤᠮᠤ ᠠᠵᠦ ᠠᠬᠤᠶᠢᠯᠠᠯ᠂ ᠠᠵᠢᠯ ᠦᠢᠯᠡᠰ ᠤᠨ ᠨᠢᠬᠡᠴᠢ ᠳᠤ᠄ 365赢多少钱会被限额_国内有真正的365平台吗_365bet博彩官网 | ᠡᠳᠦᠬᠡ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠮᠡᠷᠬᠡᠵᠢᠯ ᠢ ᠰᠢᠯᠵᠢᠬᠦᠯᠬᠦ ᠰᠢᠰᠲ᠋ᠧᠮᠵᠢ ᠶᠢ ᠪᠦᠳᠦᠬᠡᠨ ᠪᠠᠶᠢᠭᠤᠯᠬᠤ ᠶᠢᠨ ᠬᠡᠷᠡᠭᠵᠢᠬᠦᠯᠬᠦ | ᠲᠦᠰᠦᠯ︾ ᠢ ᠲᠠ ᠨᠠᠷ ᠲᠤ ᠲᠠᠷᠤᠮᠠᠯᠯᠠᠨ ᠶᠠᠪᠤᠭᠤᠯᠤᠯ᠎ᠠ᠂ ᠪᠤᠳᠠᠳᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠵᠤᠬᠢᠶᠠᠨ ᠪᠠᠶᠢᠭᠤᠯᠵᠦ ᠬᠡᠷᠡᠭᠵᠢᠬᠦᠯᠳᠦᠭᠦᠢ᠃ | | | ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠮᠡᠷᠬᠡᠵᠢᠯ ᠢ ᠰᠢᠯᠵᠢᠬᠦᠯᠬᠦ | ᠰᠢᠰᠲ᠋ᠧᠮᠵᠢ ᠶᠢ ᠪᠦᠳᠦᠬᠡᠨ ᠪᠠᠶᠢᠭᠤᠯᠬᠤ ᠶᠢᠨ ᠬᠡᠷᠡᠭᠵᠢᠬᠦᠯᠬᠦ ᠲᠦᠰᠦᠯ | | | ᠦᠪᠡᠷᠳᠡᠬᠡᠨ ᠵᠠᠰᠠᠬᠤ ᠤᠷᠤᠨ ᠤ ᠮᠡᠷᠬᠡᠵᠢᠯ ᠢ ᠰᠢᠯᠵᠢᠬᠦᠯᠬᠦ ᠰᠢᠰᠲ᠋ᠧᠮᠵᠢ ᠪᠤᠯ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠦᠷ᠎ᠡ ᠪᠦᠳᠦᠬᠡᠯ ᠤᠨ | ᠦᠷᠭᠦᠯᠵᠢᠳᠡ ᠪᠤᠢ ᠪᠤᠯᠬᠤ ᠶᠢ ᠠᠬᠢᠭᠤᠯᠵᠦ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠦᠷ᠎ᠡ ᠪᠦᠳᠦᠬᠡᠯ ᠪᠠ ᠬᠡᠷᠡᠭᠯᠡᠬᠡᠨ ᠳᠤ ᠲᠤᠬᠢᠷᠠᠬᠤ ᠲᠡᠷᠢᠬᠦᠨ ᠤ | ᠮᠡᠷᠬᠡᠵᠢᠯ ᠢ ᠦᠪᠦᠷ ᠮᠤᠩᠭᠤᠯ ᠳᠤ ᠲᠡᠯᠬᠡᠷᠡᠬᠦᠯᠬᠦ᠂ ᠭᠦᠢᠯᠬᠡᠬᠡᠬᠦ᠂ ᠬᠠᠮᠳᠤ ᠳᠤ ᠪᠠᠨ ᠭᠦᠷᠳᠡᠬᠦ᠂ ᠬᠡᠷᠡᠭᠯᠡᠬᠦ ᠶᠢ ᠠᠬᠢᠭᠤᠯᠬᠤ ᠶᠢᠨ ᠬᠠᠮᠳᠤ ᠠᠵᠦ ᠠᠬᠤᠢ ᠬᠢᠬᠡᠳ | ᠨᠡᠶᠢᠬᠡᠮ ᠤᠨ ᠦᠷᠳᠡᠭ ᠢ ᠪᠡᠶᠡᠯᠡᠬᠦᠯᠬᠦ ᠠᠮᠢ ᠠᠬᠤᠢ ᠶᠢᠨ ᠰᠢᠰᠲ᠋ᠧᠮ ᠪᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠢ ᠰᠢᠯᠵᠢᠭᠦᠯᠬᠦ ᠰᠢᠰᠲ᠋ᠧᠮᠵᠢ ᠶᠢ | ᠪᠠᠶᠢᠭᠤᠯᠤᠨ ᠲᠡᠭᠦᠯᠳᠡᠷᠵᠢᠬᠦᠯᠬᠦ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠪᠠ ᠬᠡᠷᠡᠭᠯᠡᠬᠡᠨ ᠳᠤ ᠲᠤᠬᠢᠷᠠᠬᠤ ᠲᠡᠷᠢᠬᠦᠨ ᠤ ᠮᠡᠷᠬᠡᠵᠢᠯ ᠢ | ᠰᠢᠯᠵᠢᠭᠦᠯᠦᠨ ᠤᠯᠠᠷᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ︽ᠤᠯᠤᠰ ᠤᠨ ᠮᠡᠷᠬᠡᠵᠢᠯ ᠢ ᠰᠢᠯᠵᠢᠬᠦᠯᠬᠦ ᠰᠢᠰᠲ᠋ᠧᠮᠵᠢ ᠶᠢ ᠪᠦᠳᠦᠬᠡᠨ ᠪᠠᠶᠢᠭᠤᠯᠬᠤ | ᠲᠦᠰᠦᠯ ᠢ ᠲᠠᠷᠤᠮᠠᠯᠯᠠᠨ ᠶᠠᠪᠤᠭᠤᠯᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ ﹇2017﹈ 44 ᠳ᠋ᠤᠬᠡᠷ ᠲᠣᠭᠠᠲᠤ︶ | ᠤᠨ ᠵᠣᠷᠢᠭ ᠰᠠᠨᠠᠭ᠎ᠠ ᠶᠢ ᠭᠦᠨᠵᠡᠬᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠢ ᠰᠢᠯᠵᠢᠭᠦᠯᠬᠦ ᠰᠢᠰᠲ᠋ᠧᠮᠵᠢ ᠶᠢ | ᠲᠦᠷᠭᠡᠪᠴᠢᠯᠡᠨ ᠪᠦᠳᠦᠬᠡᠨ ᠪᠠᠶᠢᠭᠤᠯᠬᠤ ᠪᠠ ᠲᠡᠭᠦᠯᠳᠡᠷᠵᠢᠬᠦᠯᠬᠦ ᠶᠢᠨ ᠲᠤᠰᠠᠳᠠ᠂ ᠤᠨᠴᠠᠭᠠᠶᠢᠯᠠᠨ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃ | ᠨᠢᠬᠡ᠂ ᠶᠡᠷᠦᠩᠬᠡᠢ ᠱᠠᠭᠠᠷᠳᠠᠯᠭ᠎ᠠ | ︵ᠨᠢᠬᠡ︶ ᠵᠢᠯᠤᠭᠤᠳᠬᠤ ᠦᠵᠡᠯ ᠰᠠᠨᠠᠭ᠎ᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠳᠠᠯᠠᠨ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠡᠭᠦᠳᠦᠯᠳᠡ ᠶᠢᠨ ᠲᠤᠬᠠᠶ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢ ᠬᠢᠨᠠᠮᠠᠭᠠᠢ ᠰᠤᠷᠤᠯᠴᠠᠨ ᠲᠤᠭᠤᠰᠢᠯᠠᠭᠤᠯᠵᠦ᠂ | ᠰᠢᠨ᠎ᠡ ᠬᠥᠭᠵᠢᠯᠲᠡ ᠶᠢᠨ ᠤᠨᠤᠯᠵᠢᠬᠤᠨ ᠢ ᠪᠠᠲᠤ ᠪᠤᠢ ᠪᠤᠯᠭᠠᠬᠤ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠨᠨᠰᠠᠨ | ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠭᠦᠨᠵᠡᠭᠡᠶ ᠬᠡᠷᠡᠭᠵᠢᠬᠦᠯᠦᠨ᠂ ᠳᠦᠷᠦ ᠶᠢᠨ ᠪᠤᠳᠤᠯᠭ᠎ᠠ ᠶᠢ ᠲᠦᠭᠦᠷᠵᠢᠬᠦᠯᠬᠦ ᠪᠠ ᠰᠢᠰᠲ᠋ᠧᠮᠵᠢ ᠶᠢ ᠬᠠᠮᠵᠢᠯᠴᠠᠭᠤᠯᠬᠤ ᠪᠠᠨ | ᠴᠢᠩᠭᠠᠳᠬᠠᠵᠦ᠂ ᠮᠡᠷᠭᠡᠵᠢᠯ ᠢ ᠰᠢᠯᠵᠢᠬᠦᠯᠬᠦ ᠲᠠᠯ᠎ᠠ ᠪᠠᠷ ᠬᠢ ᠰᠢᠨ᠎ᠡ ᠶᠢ ᠡᠭᠦᠳᠬᠦ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠭᠦᠭᠵᠢᠬᠡᠨ᠂ ᠮᠡᠷᠭᠡᠵᠢᠯ ᠤᠨ | ᠬᠠᠩᠭᠠᠯᠭ᠎ᠠ ᠬᠡᠷᠡᠭᠴᠡᠭᠡ ᠶᠢ ᠵᠠᠯᠭᠠᠯᠳᠤᠭᠤᠯᠬᠤ ᠪᠠ ᠥᠨᠳᠥᠷ ᠪᠦᠲᠦᠮᠵᠢᠲᠡᠶ ᠪᠠᠷ ᠰᠢᠯᠵᠢᠬᠦᠯᠬᠦ ᠶᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ | ᠪᠦᠲᠦᠴᠡ ᠶᠢᠨ ᠬᠡᠯᠪᠡᠷᠢ ᠶᠢ ᠪᠠᠨ ᠬᠤᠪᠢᠷᠠᠭᠤᠯᠤᠨ ᠲᠠᠰ ᠲᠡᠪᠰᠢᠬᠦᠯᠬᠦ᠂ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠤᠨ ᠬᠤᠪᠢᠰᠤᠯᠲᠠ᠂ ᠦᠷ᠎ᠡ | ᠪᠦᠲᠦᠮᠵᠢ ᠶᠢᠨ ᠬᠤᠪᠢᠰᠤᠯᠲᠠ᠂ ᠭᠦᠳᠡᠯᠬᠡᠭᠴᠢ ᠬᠦᠴᠦᠨ ᠤ ᠬᠤᠪᠢᠰᠤᠯᠲᠠ ᠶᠢ ᠠᠬᠢᠭᠤᠯᠬᠤ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ | ᠬᠠᠩᠭᠠᠨ᠎ᠠ᠃ | ︵ᠬᠤᠶᠠᠷ︶ ᠦᠨᠳᠦᠰᠦᠨ ᠵᠠᠷᠴᠢᠮ | ᠥᠭᠡᠷᠡᠴᠢᠯᠡᠯᠲᠡ ᠪᠠᠷ ᠬᠥᠲᠥᠯᠥᠨ ᠳᠠᠭᠠᠭᠤᠯᠵᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠤᠯᠭᠠᠨ᠎ᠠ᠃ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠨᠨᠰᠠᠨ | ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠬᠡᠶᠢᠷᠡᠬᠦᠯᠬᠦ ᠪᠠᠷ ᠭᠦᠳᠦᠯᠦᠨ ᠲᠠᠭᠠᠭᠤᠯᠤᠨᠨᠴᠢ ᠪᠤᠯᠭᠠᠵᠦ᠂ ᠮᠡᠷᠭᠡᠵᠢᠯ ᠢ ᠰᠢᠯᠵᠢᠬᠦᠯᠬᠦ ᠶᠢ ᠠᠬᠢᠭᠤᠯᠬᠤ ᠶᠠᠪᠤᠴᠠ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ | ᠴᠢᠨᠠᠷᠲᠠᠢ ᠦᠢᠯᠡᠳᠦᠯ ᠢ ᠪᠠᠳᠠᠷᠠᠭᠤᠯᠤᠨ᠂ ᠮᠡᠷᠭᠡᠵᠢᠯ ᠢ ᠰᠢᠯᠵᠢᠭᠦᠯᠬᠦ ᠳᠤ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠪᠠ ᠠᠰᠢᠭ ᠲᠤᠰᠠ ᠶᠢᠨ | ᠬᠤᠪᠢᠶᠠᠷᠢᠯᠠᠯᠲᠠ ᠶᠢᠨ ᠲᠣᠭᠲᠠᠴᠠ ᠶᠢ ᠪᠠᠶᠢᠭᠤᠯᠵᠤ᠂ ᠡᠯ᠎ᠡ ᠲᠦᠷᠦᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠮᠡᠷᠭᠡᠵᠢᠯ ᠢ ᠰᠢᠯᠵᠢᠭᠦᠯᠬᠦ ᠠᠮᠢᠵᠢᠷᠠᠯ ᠤᠨ | ᠬᠦᠴᠦᠨ ᠢ ᠨᠢ ᠭᠦᠭᠵᠢᠬᠡᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠪᠤᠯᠤᠨ ᠬᠡᠷᠡᠭᠯᠡᠭᠡᠨ ᠳᠤ ᠲᠤᠬᠢᠷᠠᠬᠤ ᠲᠡᠷᠢᠬᠦᠨ ᠤ ᠮᠡᠷᠭᠡᠵᠢᠯ ᠤᠨ | ᠬᠠᠩᠭᠠᠯᠭ᠎ᠠ ᠬᠡᠷᠡᠭᠴᠡᠭᠡ ᠶᠢ ᠵᠠᠯᠭᠠᠯᠳᠤᠭᠤᠯᠬᠤ ᠪᠠ ᠦᠢᠯᠡᠳᠪᠦᠷᠢᠯᠡᠬᠦ ᠵᠢᠭᠠᠬᠤ ᠰᠤᠳᠤᠯᠬᠤ ᠶᠢᠨ ᠨᠢᠭᠲᠠ ᠤᠶᠠᠯᠳᠤᠬᠤ ᠶᠢ ᠠᠬᠢᠭᠤᠯᠤᠨ᠎ᠠ᠃ | ᠳᠤᠲᠠᠭᠤᠳᠠᠯ ᠢ ᠨᠥᠬᠦᠪᠥᠷᠢᠯᠡᠵᠦ᠂ ᠰᠢᠨ᠎ᠠ ᠡᠭᠦᠳᠦᠯᠳᠡ ᠲᠠᠢ ᠪᠠᠷ ᠭᠦᠭᠵᠢᠬᠦᠯᠦᠨ᠎ᠠ᠃ ᠮᠡᠷᠭᠡᠵᠢᠯ ᠢ ᠰᠢᠯᠵᠢᠭᠦᠯᠬᠦ ᠰᠢᠰᠲ᠋ᠧᠮᠵᠢ ᠶᠢᠨ ᠪᠠᠭᠤᠷᠠᠶ ᠲᠠᠯ᠎ᠠ ᠪᠠ | ᠵᠠᠩᠭᠢᠯᠠᠭ᠎ᠠ ᠶᠢᠨ ᠠᠰᠠᠭᠤᠳᠠᠯ ᠳᠤ ᠠᠩᠬᠠᠷᠤᠯ ᠢᠶᠠᠨ ᠲᠦᠪᠯᠡᠷᠡᠬᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠬᠡᠨ ᠤ ᠦᠢᠯᠡᠰ ᠢ ᠶᠡᠭᠡ ᠪᠠᠷ | ᠭᠦᠭᠵᠢᠬᠦᠯᠦᠨ᠂ ᠮᠡᠷᠭᠡᠵᠢᠯ ᠤᠨ ᠰᠤᠯᠢᠯᠴᠠᠭᠠᠨ ᠤ ᠤᠯᠠᠨ ᠨᠡᠶᠢᠳᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠦ᠂ ᠮᠡᠷᠭᠡᠵᠢᠯ ᠢ ᠰᠢᠯᠵᠢᠭᠦᠯᠬᠦ ᠲᠤᠰᠬᠠᠶᠢᠵᠢᠨᠨᠰᠠᠨ | ᠴᠢᠳᠠᠪᠤᠷᠢᠲᠠᠨ ᠢ ᠬᠥᠮᠦᠵᠢᠭᠦᠯᠬᠦ ᠪᠠᠨ ᠴᠢᠩᠭᠠᠳᠬᠠᠨ᠂ ᠮᠡᠷᠭᠡᠵᠢᠯ ᠢ ᠰᠢᠯᠵᠢᠭᠦᠯᠬᠦ ᠦᠢᠯᠡᠴᠢᠯᠡᠬᠡᠨ ᠤ ᠪᠠᠶᠢᠭᠤᠯᠤᠮᠵᠢ ᠶᠢ ᠭᠦᠳᠦᠯᠦᠨ ᠵᠢᠯᠤᠭᠤᠳᠴᠤ ᠪᠠᠶᠢᠭᠠᠳ ᠵᠠᠬ᠎ᠠ | ᠲᠡᠯᠬᠡᠭᠦᠷᠴᠢᠯᠡᠬᠦ᠂ ᠲᠤᠰᠬᠠᠶᠢᠵᠢᠬᠤ ᠴᠢᠭᠯᠡᠯ ᠲᠠᠢ ᠪᠠᠷ ᠭᠦᠭᠵᠢᠬᠦᠯᠦᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠭᠦᠢᠯᠬᠡᠬᠡ ᠶᠢ ᠶᠡᠭᠡ ᠪᠠᠷ | ᠭᠦᠭᠵᠢᠬᠦᠯᠵᠦ᠂ ᠦᠢᠯᠡᠰ ᠴᠣᠭᠴᠠᠯᠠᠬᠤ ᠪᠠᠷ ᠤᠷᠤᠭᠤᠯᠤᠨᠨᠰᠠᠨ ᠪᠡᠯᠡ ᠮᠦᠩᠭᠦ ᠶᠢᠨ ᠪᠤᠴᠠᠭᠠᠨ ᠭᠠᠷᠭᠠᠬᠤ ᠲᠣᠭᠲᠠᠴᠠ ᠶᠢ ᠲᠡᠭᠦᠯᠳᠡᠷᠵᠢᠬᠦᠯᠦᠨ᠂ ᠮᠡᠷᠭᠡᠵᠢᠯ᠂ ᠭᠦᠷᠦᠩᠬᠡ | ᠂ ᠴᠢᠳᠠᠪᠤᠷᠢᠲᠠᠨ ᠵᠡᠷᠭᠡ ᠴᠢᠬᠤᠯᠠ ᠭᠦᠴᠦᠨ ᠵᠦᠢᠯ ᠤᠳ ᠤᠨ ᠵᠠᠬ᠎ᠠ ᠳᠡᠯᠭᠡᠭᠦᠷ ᠲᠠᠢ ᠠᠭᠤᠰᠤᠯᠴᠠᠨ ᠵᠠᠯᠭᠠᠯᠳᠤᠬᠤ ᠶᠢ ᠠᠬᠢᠭᠤᠯᠵᠦ᠂ ᠮᠡᠷᠭᠡᠵᠢᠯ ᠢ ᠰᠢᠯᠵᠢᠬᠦᠯᠦᠨ | ᠰᠤᠯᠢᠯᠴᠠᠬᠤ ᠬᠡᠯᠬᠢᠶ᠎ᠡ᠂ ᠬᠠᠮᠳᠤᠷᠠᠨ ᠠᠵᠢᠯᠯᠠᠬᠤ ᠬᠡᠯᠬᠢᠶ᠎ᠡ᠂ ᠦᠢᠯᠡᠴᠢᠯᠡᠬᠦ ᠬᠡᠯᠬᠢᠶ᠎ᠡ ᠶᠢ ᠪᠠᠶᠢᠭᠤᠯᠤᠨ᠎ᠠ᠃ | ᠵᠠᠰᠠᠭ ᠤᠨ ᠣᠷᠳᠣᠨ ᠠᠴᠠ ᠬᠥᠲᠥᠯᠦᠨ ᠵᠢᠯᠤᠭᠤᠳᠴᠤ᠂ ᠨᠡᠭᠡᠭᠡᠯᠲᠡ ᠬᠢᠵᠦ ᠬᠠᠮᠵᠢᠯᠴᠠᠨ᠎ᠠ᠃ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ ᠰᠠᠶᠢᠨ | ᠰᠠᠶᠢᠬᠠᠨ ᠬᠥᠭᠵᠢᠯᠲᠡ ᠶᠢᠨ ᠣᠷᠴᠢᠨ ᠨᠦᠭᠦᠴᠡᠯ ᠢ ᠡᠭᠦᠳᠦᠨ ᠪᠦᠳᠦᠬᠡᠬᠦ ᠪᠠ ᠴᠢᠨᠠᠷ ᠰᠠᠶᠢᠲᠠᠶ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠲᠡᠶᠢᠰᠢ | ᠬᠤᠪᠢᠷᠠᠭᠠᠬᠤ ᠶᠢ ᠲᠦᠯᠬᠢᠨ ᠠᠬᠢᠭᠤᠯᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠷ ᠭᠤᠤᠯ ᠪᠣᠯᠭᠠᠭᠰᠠᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠬᠠᠩᠭᠠᠬᠤ ᠂ ᠰᠤᠯᠢᠯᠴᠠᠬᠤ ᠪᠠ ᠡᠬᠢ ᠪᠠᠶᠠᠯᠢᠭ ᠢ ᠲᠣᠬᠢᠷᠠᠭᠤᠯᠬᠤ ᠲᠥᠷᠥ ᠶᠢᠨ ᠪᠤᠳᠤᠯᠭ᠎ᠠ ᠶᠢ ᠲᠡᠭᠦᠯᠳᠡᠷᠵᠢᠭᠦᠯᠦᠨ᠂ | ᠲᠦᠭᠡᠮᠡᠯ ᠬᠠᠷᠠᠭᠠᠯᠵᠠᠬᠤ ᠴᠢᠨᠠᠷᠲᠠᠢ ᠲᠡᠮᠵᠢᠬᠦ ᠲᠦᠷᠦ ᠶᠢᠨ ᠪᠤᠳᠤᠯᠭ᠎ᠠ ᠶᠢ ᠲᠡᠭᠦᠯᠳᠡᠷᠵᠢᠬᠦᠯᠬᠦ ᠪᠠ ᠨᠠᠶᠢᠳᠠᠪᠤᠷᠢᠵᠢᠭᠤᠯᠤᠨ᠎ᠠ᠃ ᠪᠡᠭᠡᠵᠢᠩ ᠲᠢᠶᠠᠨᠵᠢᠨ ᠾᠧᠪᠸᠢ ᠶᠢᠨ | ᠵᠤᠬᠢᠴᠠᠯᠳᠤᠨ ᠬᠥᠭᠵᠢᠬᠦ ᠵᠡᠷᠭᠡ ᠪᠠᠶᠢᠯᠳᠤᠬᠤ ᠪᠣᠳᠣᠯᠭ᠎ᠠ ᠳᠤ ᠢᠳᠡᠪᠬᠢᠳᠡᠢ ᠤᠷᠤᠯᠴᠠᠵᠦ᠂ ᠮᠡᠷᠭᠡᠵᠢᠯ ᠢ ᠰᠢᠯᠵᠢᠬᠦᠯᠬᠦ ᠲᠠᠯ᠎ᠠ ᠪᠠᠷ ᠨᠡᠭᠡᠭᠡᠯᠲᠡ ᠬᠢᠬᠦ ᠪᠠ ᠬᠠᠮᠲᠤᠷᠠᠨ | ᠠᠵᠢᠯᠯᠠᠬᠤ ᠡᠷᠴᠢᠮ ᠢᠶᠠᠨ ᠴᠢᠩᠭᠠᠷᠠᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠪᠠ ᠬᠡᠷᠡᠭᠯᠡᠭᠡᠨ ᠳᠤ ᠲᠤᠬᠢᠷᠠᠬᠤ ᠲᠡᠷᠢᠬᠦᠨ ᠤ | ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠳᠤ ᠠᠰᠢᠨᠨᠳᠠᠢ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠨ᠎ᠠ᠃ | ︵ᠭᠤᠷᠪᠠ︶ ᠪᠦᠳᠦᠭᠡᠨ ᠪᠠᠶᠢᠭᠤᠯᠬᠤ ᠬᠠᠷᠠᠯᠲᠠ | 2020 ᠣᠨ ᠪᠣᠯᠬᠤ ᠳᠤ᠂ ᠰᠢᠨ᠎ᠡ ᠪᠠᠶᠢᠳᠠᠯ ᠳᠤ ᠵᠤᠬᠢᠴᠬᠠᠰᠠᠨ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠢ ᠰᠢᠯᠵᠢᠭᠦᠯᠬᠦ ᠰᠢᠰᠲ᠋ᠧᠮᠵᠢ ᠶᠢ | ᠦᠨᠳᠦᠰᠦᠨ ᠳᠤ ᠪᠠᠨ ᠪᠠᠶᠢᠭᠤᠯᠵᠤ᠂ ᠣᠷᠣᠨ ᠤ ᠳᠣᠲᠣᠷ᠎ᠠ ᠭᠠᠳᠠᠨᠠᠬᠢ ᠬᠤᠯᠪᠤᠭᠠᠯᠠᠨ ᠨᠡᠪᠳᠡᠷᠡᠯᠴᠡᠬᠦ ᠮᠡᠷᠭᠡᠵᠢᠯ ᠤᠨ ᠵᠠᠬ᠎ᠠ ᠳᠡᠯᠭᠡᠭᠦᠷ ᠢ ᠠᠩᠬ᠎ᠠ ᠠᠯᠬᠤᠮ | ᠪᠦᠷᠢᠯᠳᠦᠬᠦᠯᠦᠨ᠂ ᠵᠠᠬ᠎ᠠ ᠳᠡᠯᠭᠡᠭᠦᠷᠴᠢᠯᠡᠭᠰᠡᠨ ᠮᠡᠷᠭᠡᠵᠢᠯ ᠢ ᠰᠢᠯᠵᠢᠭᠦᠯᠬᠦ ᠪᠠᠶᠢᠭᠤᠯᠤᠮᠵᠢ᠂ ᠲᠤᠰᠬᠠᠶᠢᠵᠢᠨᠨᠰᠠᠨ ᠮᠡᠷᠭᠡᠵᠢᠯ ᠢ ᠰᠢᠯᠵᠢᠭᠦᠯᠬᠦ ᠴᠢᠳᠠᠪᠤᠷᠢᠲᠠᠨ ᠤ ᠡᠩᠨᠡᠭᠡ ᠶᠢ | ᠬᠥᠭᠵᠢᠭᠦᠯᠦᠨ ᠪᠤᠵᠠᠭᠠᠶᠢᠷᠠᠭᠤᠯᠵᠤ᠂ ᠮᠡᠷᠭᠡᠵᠢᠯ ᠢ ᠰᠢᠯᠵᠢᠭᠦᠯᠬᠦ ᠵᠠᠮ ᠮᠦᠷ ᠢ ᠤᠯᠠᠮ ᠰᠢᠯᠤᠭᠤᠳᠬᠠᠨ᠂ ᠪᠥᠬᠦ ᠣᠷᠣᠨ ᠳᠠᠬᠢ ᠮᠡᠷᠭᠡᠵᠢᠯ ᠤᠨ ᠬᠡᠷ᠎ᠡ ᠪᠠᠷ ᠰᠤᠯᠢᠯᠴᠬᠠᠰᠠᠨ | ᠲᠤᠭ᠎ᠠ ᠶᠢ ᠮᠡᠳᠡᠭᠳᠡᠬᠦ᠋ᠢᠴᠡ ᠲᠡᠬᠡᠭᠰᠢᠯᠡᠬᠦᠯᠵᠦ᠂ ᠥᠪᠡᠷᠲᠡᠭᠡᠨ ᠵᠠᠰᠠᠬᠤ ᠣᠷᠣᠨ ᠤ ᠲᠡᠰ ᠤᠨ ᠮᠡᠷᠭᠡᠵᠢᠯ ᠢ ᠰᠢᠯᠵᠢᠭᠦᠯᠬᠦ ᠶᠢᠨ ᠵᠢᠱᠢᠶ᠎ᠡ ᠦᠵᠡᠭᠦᠯᠬᠦ ᠪᠠᠶᠢᠭᠤᠯᠤᠮᠵᠢ ᠶᠢ | 20 ᠠᠴᠠ ᠲᠡᠬᠡᠭᠰᠢ ᠪᠠᠶᠢᠭᠤᠯᠤᠨ᠂ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ᠂ ᠭᠠᠵᠠᠷ ᠣᠷᠣᠨ ᠳᠤ ᠬᠠᠨᠳᠤᠭᠤᠯᠤᠨᠨᠰᠠᠨ ᠤᠯᠠᠨ ᠤᠯᠤᠰ ᠤᠨ ᠮᠡᠷᠭᠡᠵᠢᠯ ᠢ | ᠰᠢᠯᠵᠢᠭᠦᠯᠬᠦ ᠠᠵᠢᠯ ᠢ ᠥᠷᠭᠡᠨ ᠢᠶᠠᠷ ᠥᠷᠨᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠪᠠ ᠬᠡᠷᠡᠭᠯᠡᠭᠡᠨ ᠳᠤ ᠲᠤᠬᠢᠷᠠᠬᠤ ᠲᠡᠷᠢᠬᠦᠨ ᠤ | ᠮᠡᠷᠭᠡᠵᠢᠯ ᠢ ᠬᠥᠷᠥᠩᠭᠡᠵᠢᠭᠦᠯᠬᠦ᠂ ᠠᠵᠤ ᠦᠢᠯᠡᠰᠵᠢᠭᠦᠯᠬᠦ ᠪᠠᠶᠢᠭᠤᠯᠤᠯ ᠲᠣᠭᠲᠠᠴᠠ ᠶᠢ ᠦᠨᠳᠦᠰᠦᠨ ᠳᠤ ᠪᠠᠨ ᠪᠠᠶᠢᠭᠤᠯᠤᠨ᠎ᠠ᠃ | 2025 ᠣᠨ ᠪᠣᠯᠬᠤ ᠳᠤ᠂ ᠪᠦᠲᠦᠴᠡ ᠨᠢ ᠵᠣᠬᠢᠰᠲᠠᠶ᠂ ᠴᠢᠳᠠᠮᠵᠢ ᠨᠢ ᠲᠡᠭᠦᠯᠳᠡᠷ᠂ ᠪᠠᠶᠢᠭᠤᠯᠤᠯ ᠨᠢ ᠪᠦᠷᠢᠨ᠂ ᠠᠵᠢᠯᠯᠠᠭᠠᠨ ᠨᠢ ᠥᠨᠳᠥᠷ ᠪᠦᠲᠦᠮᠵᠢᠲᠡᠶ | ᠪᠠᠶᠢᠬᠤ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠢ ᠰᠢᠯᠵᠢᠭᠦᠯᠬᠦ ᠰᠢᠰᠲ᠋ᠧᠮᠵᠢ ᠶᠢ ᠪᠦᠬᠦ ᠲᠠᠯ᠎ᠠ ᠪᠠᠷ ᠪᠠᠶᠢᠭᠤᠯᠤᠨ᠂ ᠮᠡᠷᠭᠡᠵᠢᠯ ᠤᠨ ᠵᠠᠬ᠎ᠠ ᠳᠡᠯᠭᠡᠭᠦᠷ ᠢ ᠪᠤᠶᠢᠵᠢᠭᠤᠯᠤᠨ | ᠲᠡᠭᠦᠯᠳᠡᠷᠵᠢᠬᠦᠯᠵᠦ᠂ ᠡᠯ᠎ᠡ ᠲᠦᠷᠦᠯ ᠤᠨ ᠰᠢᠨ᠎ᠡ ᠶᠢ ᠡᠭᠦᠳᠬᠦ ᠭᠤᠤᠯ ᠴᠣᠭᠴᠠ ᠥᠨᠳᠥᠷ ᠪᠦᠲᠦᠮᠵᠢᠲᠡᠢ ᠪᠠᠷ ᠬᠠᠮᠵᠢᠯᠴᠠᠨ ᠬᠥᠳᠡᠯᠦᠯᠴᠡᠵᠤ᠂ ᠮᠡᠷᠭᠡᠵᠢᠯ ᠢ ᠰᠢᠯᠵᠢᠭᠦᠯᠬᠦ | ᠪᠠᠶᠢᠭᠤᠯᠤᠯ ᠲᠣᠭᠲᠠᠴᠠ ᠶᠢ ᠨᠡᠩ ᠪᠦᠷᠢᠨᠰᠢᠬᠦᠯᠦᠨ᠂ ᠣᠷᠣᠨ ᠤ ᠳᠣᠲᠣᠷ᠎ᠠ ᠭᠠᠳᠠᠨᠠᠬᠢ ᠮᠡᠷᠭᠡᠵᠢᠯ ᠢ ᠰᠢᠯᠵᠢᠭᠦᠯᠬᠦ ᠲᠣᠣᠷ ᠰᠦᠯᠵᠢᠶ᠎ᠡ ᠶᠢᠨ ᠵᠠᠯᠭᠠᠯᠳᠠ ᠶᠢ ᠰᠠᠭᠠᠳ | ᠦᠭᠡᠢ ᠨᠡᠪᠲᠡᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠦᠷ᠎ᠡ ᠪᠦᠳᠦᠬᠡᠯ ᠪᠠ ᠬᠡᠷᠡᠭᠯᠡᠬᠡᠨ ᠳᠤ ᠲᠤᠬᠢᠷᠠᠬᠤ ᠲᠡᠷᠢᠬᠦᠨ ᠤ ᠮᠡᠷᠬᠡᠵᠢᠯ ᠢ ᠲᠡᠯᠬᠡᠷᠡᠬᠦᠯᠬᠦ᠂ | ᠭᠦᠢᠯᠬᠡᠬᠡᠬᠦ᠂ ᠬᠠᠮᠳᠤ ᠳᠤ ᠪᠠᠨ ᠭᠦᠷᠳᠡᠬᠦ᠂ ᠬᠡᠷᠡᠭᠯᠡᠬᠦ ᠶᠢ ᠨᠡᠩ ᠰᠢᠯᠤᠭᠤᠬᠠᠨ ᠪᠤᠯᠭᠠᠨ᠎ᠠ᠃ | ︵ᠲᠦᠷᠪᠡ︶ ᠰᠢᠰᠲ᠋ᠧᠮᠵᠢ ᠶᠢᠨ ᠪᠠᠶᠢᠷᠢᠰᠢᠭᠤᠯᠤᠯᠳᠠ | ᠰᠠᠭᠤᠷᠢ ᠪᠦᠷᠢᠯᠳᠦᠴᠡ᠃ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠢ ᠰᠢᠯᠵᠢᠬᠦᠯᠬᠦ ᠰᠢᠰᠲ᠋ᠧᠮᠵᠢ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠪᠠ ᠬᠡᠷᠡᠭᠯᠡᠭᠡᠨ ᠳᠤ ᠲᠤᠬᠢᠷᠠᠬᠤ ᠲᠡᠷᠢᠬᠦᠨ ᠤ ᠮᠡᠷᠭᠡᠵᠢᠯ ᠢ ᠡᠭᠦᠳᠦᠨ ᠪᠦᠲᠦᠭᠡᠬᠦ ᠪᠠ ᠬᠡᠷᠡᠭᠯᠡᠭᠡᠨ ᠤ ᠭᠤᠤᠯ ᠴᠣᠭᠴᠠ᠂ ᠮᠡᠷᠭᠡᠵᠢᠯ ᠤᠨ ᠰᠤᠯᠢᠯᠴᠠᠭᠠᠨ ᠤ | ᠲᠡᠪᠴᠡᠩ᠂ ᠵᠠᠭᠤᠴᠢ ᠦᠢᠯᠡᠴᠢᠯᠡᠭᠡᠨ ᠤ ᠪᠠᠶᠢᠭᠤᠯᠤᠮᠵᠢ ᠪᠠ ᠠᠵᠢᠯᠲᠠᠨ᠂ ᠵᠤᠬᠢᠬᠤ ᠵᠠᠬ᠎ᠠ ᠳᠡᠯᠭᠡᠭᠦᠷ ᠤᠨ ᠶᠤᠰᠤ ᠲᠦᠷᠢᠮ ᠪᠣᠯᠤᠨ ᠤᠷᠮᠠᠰᠢᠭᠤᠯᠬᠤ ᠲᠥᠷᠥ ᠶᠢᠨ | ᠪᠣᠳᠣᠯᠭ᠎ᠠ ᠪᠠᠷ ᠪᠦᠷᠢᠯᠳᠦᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠪᠠ ᠬᠡᠷᠡᠭᠯᠡᠭᠡᠨ ᠳᠤ ᠲᠤᠬᠢᠷᠠᠬᠤ ᠲᠡᠷᠢᠬᠦᠨ ᠤ ᠮᠡᠷᠭᠡᠵᠢᠯ ᠢ ᠡᠭᠦᠳᠦᠨ | ᠪᠦᠳᠦᠬᠡᠬᠦ ᠠᠴᠠ ᠪᠣᠯᠪᠠᠰᠤᠷᠠᠩᠭᠤᠶ ᠪᠣᠯᠭᠠᠬᠤ᠂ ᠦᠨᠡᠯᠡᠨ ᠵᠢᠱᠢᠬᠦ᠂ ᠦᠨ᠎ᠡ ᠲᠤᠨᠨᠳᠠᠭᠠᠬᠤ᠂ ᠰᠤᠯᠢᠯᠴᠠᠬᠤ᠂ ᠬᠡᠷᠡᠭᠯᠡᠬᠦ ᠶᠢᠨ ᠪᠦᠬᠦ ᠶᠠᠪᠤᠴᠠ ᠶᠢ ᠪᠠᠭᠳᠠᠭᠠᠨ ᠠᠭᠤᠯᠵᠦ | ᠪᠠᠶᠢᠳᠠᠭ᠃ | ᠰᠢᠯᠵᠢᠬᠦᠯᠬᠦ ᠨᠡᠪᠳᠡᠷᠡᠯ ᠵᠠᠮ᠃ ᠡᠭᠦᠨ ᠳᠤ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠪᠠ ᠴᠢᠬᠤᠯᠠ ᠪᠤᠯᠬᠤ ᠰᠢᠨ᠎ᠡ ᠶᠢ ᠡᠭᠦᠳᠬᠦ ᠬᠡᠯᠪᠡᠷᠢ ᠶᠢᠨ | ᠤᠯᠤᠰ ᠤᠳ ᠤᠨ ᠬᠤᠭᠤᠷᠣᠨᠳᠣᠬᠢ ᠤᠯᠤᠰ ᠠᠯᠤᠰᠯᠠᠭᠰᠠᠨ ᠮᠡᠷᠭᠡᠵᠢᠯ ᠢ ᠰᠢᠯᠵᠢᠭᠦᠯᠬᠦ ᠨᠡᠪᠳᠡᠷᠡᠯ ᠵᠠᠮ᠂ ᠬᠥᠭᠵᠢᠭᠰᠡᠨ ᠮᠤᠵᠢ ︵ᠤᠷᠤᠨ᠂ ᠬᠤᠳᠠ︶᠂ ᠤᠯᠤᠰ ᠤᠨ | ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠳ ᠤᠨ ᠬᠤᠭᠤᠷᠣᠨᠳᠣᠬᠢ ᠣᠷᠣᠨ ᠪᠦᠰᠡ ᠠᠯᠤᠰᠯᠠᠭᠰᠠᠨ ᠮᠡᠷᠭᠡᠵᠢᠯ ᠢ ᠰᠢᠯᠵᠢᠭᠦᠯᠬᠦ ᠨᠡᠪᠳᠡᠷᠡᠯ ᠵᠠᠮ᠂ | ᠴᠡᠷᠢᠭ ᠠᠩᠬᠢ ᠶᠢᠨ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠨᠤᠭᠤᠳ ᠤᠨ ᠬᠤᠭᠤᠷᠣᠨᠳᠣᠬᠢ ᠴᠡᠷᠢᠭ ᠠᠷᠠᠳ ᠤᠨ ᠬᠡᠷᠡᠭᠴᠡᠬᠡᠨ ᠤ ᠮᠡᠷᠭᠡᠵᠢᠯ ᠢ | ᠰᠢᠯᠵᠢᠭᠦᠯᠬᠦ ᠨᠡᠪᠳᠡᠷᠡᠯ ᠵᠠᠮ ᠪᠠ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠤᠭᠤᠳ ᠤᠨ ᠬᠤᠭᠤᠷᠣᠨᠳᠣᠬᠢ | ᠣᠷᠣᠨ ᠤ ᠲᠤᠳᠤᠷᠠᠬᠢ ᠮᠡᠷᠭᠡᠵᠢᠯ ᠢ ᠰᠢᠯᠵᠢᠭᠦᠯᠬᠦ ᠨᠡᠪᠳᠡᠷᠡᠯ ᠵᠠᠮ ᠤᠳ | ᠪᠠᠭᠳᠠᠨ᠎ᠠ᠃ | ᠲᠤᠯᠭᠠᠭᠤᠷᠢᠯᠠᠬᠤ ᠪᠠᠳᠤᠯᠠᠭ᠎ᠠ᠃ ᠡᠭᠦᠨ ᠳᠤ ᠮᠡᠷᠭᠡᠵᠢᠯ ᠢ ᠰᠤᠯᠢᠯᠴᠬᠠᠰᠠᠨ ᠤ ᠲᠠᠷᠠᠭ᠎ᠠ ᠨᠥᠬᠦᠪᠥᠷᠢ ᠦᠭᠬᠦ᠂ ᠭᠠᠶᠢᠯᠢ ᠲᠠᠲᠠᠪᠤᠷᠢ ᠶᠢᠨ ᠲᠠᠯ᠎ᠠ ᠳᠤ ᠬᠠᠷᠠᠭᠠᠯᠵᠠᠯ | ᠦᠵᠡᠬᠦᠯᠬᠦ᠂ ᠦᠷ᠎ᠡ ᠪᠦᠲᠦᠭᠡᠯ ᠢ ᠡᠮᠬᠢᠳᠬᠡᠨ ᠴᠤᠨᠨᠯᠠᠭᠤᠯᠵᠦ ᠲᠤᠰᠢᠶᠠᠬᠤ᠂ ᠮᠡᠳᠡᠭᠡ ᠵᠠᠩᠭᠢ ᠶᠢ ᠬᠠᠮᠲᠤ ᠳᠤ ᠪᠠᠨ ᠭᠦᠷᠳᠡᠬᠦ᠂ ᠮᠡᠳᠡᠯᠭᠡ ᠶᠢᠨ ᠪᠦᠳᠦᠬᠡᠭᠳᠡᠬᠦᠨ ᠤ | ᠦᠮᠴᠢᠯᠡᠯ ᠤᠨ ᠡᠷᠬᠡ ᠶᠢ ᠬᠠᠮᠠᠭᠠᠯᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠭᠦᠢᠯᠬᠡᠬᠡ᠂ ᠡᠷᠬᠡ ᠠᠰᠢᠭ ᠢ ᠵᠠᠭᠠᠭᠯᠠᠨ ᠲᠤᠨᠨᠳᠠᠭᠠᠬᠤ᠂ ᠠᠰᠢᠭ | ᠣᠷᠣᠯᠭ᠎ᠠ ᠶᠢ ᠬᠤᠪᠢᠶᠠᠷᠢᠯᠠᠬᠤ ᠵᠡᠷᠭᠡ ᠤᠷᠮᠠᠰᠢᠭᠤᠯᠬᠤ ᠲᠥᠷᠥ ᠶᠢᠨ ᠪᠣᠳᠣᠯᠭ᠎ᠠ ᠨᠤᠭᠤᠳ ᠪᠠᠭᠳᠠᠨ᠎ᠠ᠃ | ᠬᠤᠶᠠᠷ᠂ ᠭᠤᠤᠯᠳᠠᠯᠭ᠎ᠠ ᠲᠠᠢ ᠠᠵᠢᠯ | ︵ᠨᠢᠭᠡ︶ ᠰᠢᠨ᠎ᠡ ᠶᠢ ᠡᠭᠦᠳᠬᠦ ᠭᠤᠣᠯ ᠴᠣᠭᠴᠠ ᠶᠢᠨ ᠮᠡᠷᠭᠡᠵᠢᠯ ᠢ ᠰᠢᠯᠵᠢᠬᠦᠯᠬᠦ ᠠᠮᠢᠵᠢᠷᠠᠯ ᠤᠨ ᠭᠦᠴᠦᠨ ᠢ ᠭᠦᠭᠵᠢᠬᠡᠨᠠ | ᠮᠡᠷᠭᠡᠵᠢᠯ ᠢ ᠰᠢᠯᠵᠢᠭᠦᠯᠬᠦ ᠶᠠᠪᠤᠴᠠ ᠳᠠᠬᠢ ᠠᠵᠦ ᠠᠬᠤᠶᠢᠯᠠᠯ ᠤᠳ ᠤᠨ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠮᠡᠷᠭᠡᠵᠢᠯ ᠢ ᠰᠢᠯᠵᠢᠬᠦᠯᠬᠦ | ᠲᠦᠷᠦ ᠶᠢᠨ ᠪᠤᠳᠤᠯᠭ᠎ᠠ᠂ ᠲᠠᠪᠴᠠᠩ᠂ ᠮᠡᠳᠡᠭᠡ ᠵᠠᠩᠭᠢ᠂ ᠦᠢᠯᠡᠴᠢᠯᠡᠭᠡ ᠬᠢᠬᠡᠳ ᠠᠵᠤ ᠠᠬᠤᠶᠢᠯᠠᠯ ᠤᠳ ᠤᠨ ᠵᠠᠯᠭᠠᠯᠳᠤᠬᠤ ᠶᠢ ᠠᠬᠢᠭᠤᠯᠤᠨ᠎ᠠ᠃ ᠠᠵᠤ | ᠠᠬᠤᠶᠢᠯᠠᠯ ᠤᠨ ᠮᠡᠷᠭᠡᠵᠢᠯ ᠢ ᠡᠵᠡᠩᠨᠡᠬᠦ ᠦᠵᠡᠯ ᠤᠬᠠᠮᠰᠠᠷ ᠢ ᠪᠤᠶᠢᠵᠢᠭᠤᠯᠵᠦ᠂ ᠠᠵᠤ ᠠᠬᠤᠶᠢᠯᠠᠯ ᠢ ᠲᠡᠮᠵᠢᠵᠦ ᠪᠠᠶᠢᠭᠠᠳ ᠮᠡᠷᠭᠡᠵᠢᠯ ᠢ ᠰᠢᠯᠵᠢᠭᠦᠯᠬᠦ ᠪᠠᠶᠢᠭᠤᠯᠤᠮᠵᠢ ᠪᠠ | ᠮᠡᠷᠭᠡᠵᠢᠯ ᠢ ᠰᠢᠯᠵᠢᠭᠦᠯᠬᠦ ᠲᠤᠰᠬᠠᠶ ᠲᠤᠰᠢᠶᠠᠯᠳᠠᠳ ᠲᠤᠬᠢᠷᠠᠭᠤᠯᠤᠨ᠎ᠠ᠃ ᠤᠳᠤ ᠶᠢᠨ ᠪᠠᠶᠢᠭ᠎ᠠ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠶᠢᠨ | ᠴᠢᠳᠠᠪᠤᠷᠢ ᠶᠢ ᠨᠢ ᠲᠡᠬᠡᠭᠰᠢᠯᠡᠬᠦᠯᠦᠨ᠂ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠲᠦᠷᠭᠡᠪᠴᠢᠯᠡᠨ ᠬᠥᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢ ᠰᠤᠳᠤᠯᠭᠠᠨ ᠤ ᠶᠠᠪᠤᠴᠠ ᠳᠤ ᠲᠤᠷᠰᠢᠬᠤ᠂ ᠪᠣᠯᠪᠠᠰᠤᠷᠠᠩᠭᠤᠶ ᠪᠣᠯᠭᠠᠬᠤ ᠨᠢᠭᠡ ᠪᠦᠯᠦᠭ ᠭᠦᠷᠢᠶ᠎ᠡ ᠴᠠᠷᠠᠭ᠎ᠠ ᠬᠤᠪᠢᠢᠬᠠᠰᠠᠨ ᠰᠠᠭᠤᠷᠢᠨ | ᠭᠠᠵᠠᠷ ᠢ ᠪᠠᠶᠢᠭᠤᠯᠤᠨ᠂ ᠮᠡᠷᠭᠡᠵᠢᠯ ᠤᠨ ᠪᠤᠯᠪᠠᠰᠤᠷᠠᠩᠭᠤᠢ ᠶᠢᠨ ᠬᠡᠮᠵᠢᠶ᠎ᠡ ᠶᠢ ᠨᠢ ᠦᠨᠡᠯᠡᠬᠦ ᠶᠢ ᠲᠡᠯᠬᠡᠷᠡᠬᠦᠯᠵᠦ᠂ ᠮᠡᠷᠭᠡᠵᠢᠯ ᠤᠨ ᠦᠷ᠎ᠡ ᠪᠦᠲᠦᠭᠡᠯ ᠢ ᠬᠡᠪᠴᠢᠶᠡᠵᠢᠭᠦᠯᠦᠨ | ᠬᠡᠷᠡᠭᠯᠡᠬᠦ ᠶᠢ ᠠᠬᠢᠭᠤᠯᠤᠨ᠎ᠠ᠃ ᠠᠵᠤ ᠠᠬᠤᠶᠢᠯᠠᠯ ᠢᠶᠠᠷ ᠲᠦᠷᠦᠭᠦᠯᠡᠬᠦᠯᠵᠦ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ | ᠠᠵᠢᠯ ᠲᠥᠷᠥᠯ ᠤᠨ ᠨᠡᠶᠢᠭᠡᠮᠯᠢᠭ ᠵᠡᠷᠭᠡ ᠲᠠᠢ ᠬᠠᠮᠳᠤᠷᠠᠯᠴᠠᠵᠦ ᠪᠠᠶᠢᠭᠠᠳ ᠠᠵᠤ ᠦᠢᠯᠡᠰ ᠤᠨ ᠮᠡᠷᠭᠡᠵᠢᠯ ᠤᠨ ᠰᠢᠨ᠎ᠡ ᠡᠭᠦᠳᠦᠯᠳᠡ ᠶᠢᠨ ᠪᠠᠶᠢᠯᠳᠤᠬᠤ ᠪᠣᠳᠣᠯᠭ᠎ᠠ ᠶᠢᠨ | ᠬᠤᠯᠪᠣᠭ᠎ᠠ ᠶᠢ ᠬᠠᠮᠳᠤ ᠪᠠᠷ ᠪᠠᠶᠢᠭᠤᠯᠬᠤ ᠶᠢ ᠲᠡᠮᠵᠢᠵᠦ᠂ ᠦᠢᠯᠡᠳᠪᠦᠷᠢᠯᠡᠬᠦ ᠵᠢᠭᠠᠬᠤ ᠰᠤᠳᠤᠯᠬᠤ ᠶᠢᠨ ᠮᠡᠷᠬᠡᠵᠢᠯ ᠢ ᠰᠢᠯᠵᠢᠬᠦᠯᠬᠦ ᠪᠠᠨ ᠬᠠᠮᠵᠢᠯᠴᠠᠨ ᠠᠬᠢᠭᠤᠯᠬᠤ ᠶᠢ | ᠪᠡᠶᠡᠯᠡᠬᠦᠯᠦᠨ᠎ᠠ᠃ | ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠵᠡᠷᠭᠡ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯ ᠦᠢᠯᠡᠰ ᠤᠨ | ᠨᠢᠬᠡᠴᠢ ᠨᠦᠭᠦᠳ ᠢ ᠵᠤᠷᠢᠨᠨᠵᠢᠭᠤᠯᠵᠦ ᠪᠠᠶᠢᠭᠠᠳ ᠮᠡᠷᠭᠡᠵᠢᠯ ᠢ ᠰᠢᠯᠵᠢᠭᠦᠯᠬᠦ ᠠᠵᠢᠯ ᠦᠷᠨᠢᠬᠦᠯᠦᠭᠦᠯᠵᠦ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ | ᠰᠤᠳᠤᠯᠤᠯ ᠤᠨ ᠬᠦᠷᠢᠶᠡᠯᠡᠩ ᠭᠠᠵᠠᠷ ᠵᠡᠷᠭᠡ ᠨᠢᠭᠡᠴᠢ ᠨᠦᠭᠦᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢᠶᠠᠨ ᠤᠯᠠᠷᠢᠭᠤᠯᠤᠨᠨᠰᠠᠨ | ᠪᠠᠶᠢᠳᠠᠯ ᠤᠨ ᠣᠨ ᠤ ᠮᠡᠳᠡᠭᠦᠯᠦᠯᠲᠡ ᠬᠢᠬᠦ ᠲᠦᠷᠢᠮ ᠢ ᠪᠠᠶᠢᠭᠤᠯᠤᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠵᠦ | ᠳᠡᠯᠭᠡᠷᠡᠭᠦᠯᠬᠦ ᠭᠠᠷᠴᠠᠭ ᠢ ᠨᠡᠶᠢᠳᠡᠯᠡᠨ᠎ᠠ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠵᠡᠷᠭᠡ ᠨᠢᠬᠡᠴᠢ ᠨᠦᠭᠦᠳ ᠤᠨ | ᠮᠡᠷᠭᠡᠵᠢᠯ ᠢ ᠰᠢᠯᠵᠢᠭᠦᠯᠬᠦ ᠪᠠᠶᠢᠭᠤᠯᠤᠮᠵᠢ ᠪᠠ ᠲᠤᠰᠬᠠᠶ ᠠᠵᠢᠯ ᠤᠨ ᠪᠠᠶᠢᠷᠢ ᠲᠤᠬᠢᠷᠠᠭᠤᠯᠬᠤ ᠶᠢ ᠵᠤᠷᠢᠨᠨᠵᠢᠭᠤᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠢ ᠤᠯᠠᠷᠢᠭᠤᠯᠬᠤ ᠳᠤ ᠠᠰᠢᠨᠨᠳᠠᠢ ᠬᠤᠪᠢᠶᠠᠷᠢᠯᠠᠯᠲᠠ ᠶᠢᠨ ᠲᠦᠷᠢᠮ ᠢ ᠲᠤᠨᠨᠳᠠᠭᠠᠨ᠂ ᠮᠡᠷᠭᠡᠵᠢᠯ ᠤᠨ ᠡᠵᠡᠩᠨᠡᠨ ᠡᠷᠬᠢᠯᠡᠭᠴᠢ ᠢ ᠤᠷᠢᠵᠤ ᠬᠡᠷᠡᠭᠯᠡᠬᠦ ᠲᠦᠷᠢᠮ ᠢ | ᠰᠦᠪᠡᠭᠴᠢᠯᠡᠨ ᠬᠡᠷᠡᠭᠵᠢᠬᠦᠯᠵᠦ᠂ ᠬᠤᠪᠢ ᠨᠡᠮᠡᠷᠢ ᠪᠠᠷ ᠲᠣᠪᠤᠶᠢᠮ᠎ᠠ ᠪᠠᠶᠢᠭ᠎ᠠ ᠮᠡᠷᠭᠡᠵᠢᠯ ᠢ ᠰᠢᠯᠵᠢᠬᠦᠯᠦᠭᠰᠡᠨ ᠠᠵᠢᠯᠳᠠᠳ ᠲᠤ ᠮᠡᠷᠭᠡᠵᠢᠯ ᠤᠨ ᠴᠣᠯᠠ ᠶᠢ ᠨᠢ ᠬᠢᠨᠠᠨ | ᠲᠣᠭᠲᠠᠭᠠᠬᠤ᠂ ᠠᠮᠵᠢᠯᠲᠠ ᠪᠦᠲᠦᠮᠵᠢ ᠶᠢᠨ ᠴᠠᠯᠢᠩ ᠢ ᠨᠢ ᠬᠤᠪᠢᠶᠠᠷᠢᠯᠠᠬᠤ ᠵᠡᠷᠭᠡ ᠲᠠᠯ᠎ᠠ ᠪᠠᠷ ᠬᠠᠷᠠᠭᠠᠯᠵᠠᠯ ᠦᠵᠡᠬᠦᠯᠦᠨ᠎ᠠ᠃ | ︵ᠬᠤᠶᠠᠷ︶ ᠮᠡᠷᠭᠡᠵᠢᠯ ᠤᠨ ᠵᠠᠬ᠎ᠠ ᠳᠡᠯᠭᠡᠭᠦᠷ ᠢ ᠲᠦᠷᠭᠡᠪᠴᠢᠯᠡᠨ ᠭᠦᠭᠵᠢᠬᠦᠯᠦᠨ᠎ᠠ | ᠦᠢᠯᠡᠳᠦᠯ ᠴᠢᠳᠠᠮᠵᠢ ᠪᠠᠷ ᠲᠡᠭᠦᠯᠳᠡᠷ᠂ ᠨᠥᠯᠥᠭᠡᠯᠡᠬᠦ ᠦᠢᠯᠡᠳᠦᠯ ᠢᠶᠠᠷ ᠴᠢᠩᠭ᠎ᠠ ᠪᠤᠯᠬᠤ ᠣᠷᠣᠨ ᠪᠦᠰᠡ ᠶᠢᠨ ᠴᠢᠨᠠᠷᠲᠠᠶ ᠮᠡᠷᠭᠡᠵᠢᠯ ᠤᠨ ᠰᠤᠯᠢᠯᠴᠠᠭᠠᠨ ᠤ ᠵᠠᠬ᠎ᠠ | ᠳᠡᠯᠭᠡᠭᠦᠷ ᠤᠳ ᠢ ᠪᠤᠶᠢᠵᠢᠭᠤᠯᠤᠨ ᠭᠦᠭᠵᠢᠬᠦᠯᠵᠦ᠂ ᠪᠥᠬᠦ ᠣᠷᠣᠨ ᠤ ᠮᠡᠷᠭᠡᠵᠢᠯ ᠤᠨ ᠰᠤᠯᠢᠯᠴᠠᠭᠠᠨ ᠤ ᠲᠤᠤᠷ ᠰᠦᠯᠵᠢᠶ᠎ᠡ ᠶᠢ ᠪᠠᠶᠢᠭᠤᠯᠤᠨ᠂ ᠲᠡᠭᠦᠨ ᠢ ᠪᠠᠨ ᠪᠥᠬᠦ | ᠤᠯᠤᠰ ᠤᠨ ᠮᠡᠷᠭᠡᠵᠢᠯ ᠤᠨ ᠰᠤᠯᠢᠯᠴᠠᠭᠠᠨ ᠤ ᠰᠦᠯᠵᠢᠶ᠎ᠡ ᠲᠠᠢ ᠬᠤᠯᠪᠤᠭᠠᠯᠠᠨ ᠨᠡᠪᠳᠡᠷᠡᠯᠴᠡᠬᠦᠯᠦᠨᠠ᠃ ᠤᠳᠤ ᠶᠢᠨ ᠪᠠᠶᠢᠭ᠎ᠠ ᠥᠪᠡᠷᠲᠡᠭᠡᠨ ᠵᠠᠰᠠᠬᠤ ᠣᠷᠣᠨ ᠤ | ᠮᠡᠷᠭᠡᠵᠢᠯ ᠤᠨ ᠰᠤᠯᠢᠯᠴᠠᠭᠠᠨ ᠤ ᠰᠦᠯᠵᠢᠶᠡᠨ ᠲᠠᠪᠴᠠᠩ ᠳᠤ ᠲᠦᠰᠢᠭᠯᠡᠵᠦ᠂ ᠪᠥᠬᠦ ᠣᠷᠣᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠪᠠ | ᠬᠡᠷᠡᠭᠯᠡᠭᠡᠨ ᠳᠤ ᠲᠤᠬᠢᠷᠠᠬᠤ ᠲᠡᠷᠢᠭᠦᠨ ᠤ ᠮᠡᠷᠭᠡᠵᠢᠯ ᠤᠨ ᠨᠢᠭᠡᠳᠦᠯᠲᠡᠶ ᠳ᠋ᠠᠶᠢᠲ᠋ᠠ ᠬᠥᠮᠥᠷᠭᠡ ᠶᠢ ᠪᠠᠶᠢᠭᠤᠯᠤᠨ᠂ ᠢᠨᠲ᠋ᠧᠷ ᠰᠦᠯᠵᠢᠶ᠎ᠡ ᠪᠠᠷ ᠲᠠᠮᠵᠢᠭᠤᠯᠤᠨ ᠮᠡᠷᠭᠡᠵᠢᠯ ᠢ | ᠰᠢᠯᠵᠢᠭᠦᠯᠬᠦ ᠶᠢᠨ ᠰᠤᠯᠢᠯᠴᠠᠬᠤ ᠡᠳᠡᠬᠡᠳ ᠪᠠ ᠦᠢᠯᠡᠴᠢᠯᠡᠬᠦᠯᠬᠦ ᠡᠲᠡᠭᠡᠳ ᠢ ᠬᠤᠯᠪᠤᠵᠦ᠂ ᠰᠦᠯᠵᠢᠶ᠎ᠡ ᠪᠠᠷ ᠪᠠ ᠰᠦᠯᠵᠢᠶᠡᠨ ᠤ ᠭᠠᠳᠠᠭᠤᠷᠬᠢ ᠶᠢ ᠤᠶᠠᠯᠳᠤᠭᠤᠯᠤᠭᠰᠠᠨ | ᠮᠡᠷᠭᠡᠵᠢᠯ ᠤᠨ ᠰᠤᠯᠢᠯᠴᠠᠭᠠᠨ ᠤ ᠠᠵᠢᠯᠯᠠᠭ᠎ᠠ ᠶᠢ ᠦᠷᠨᠢᠬᠦᠯᠦᠨ᠎ᠠ᠃ ᠮᠡᠷᠭᠡᠵᠢᠯ ᠤᠨ ᠵᠠᠬ᠎ᠠ ᠳᠡᠯᠭᠡᠭᠦᠷ ᠬᠢᠬᠡᠳ ᠬᠦᠷᠦᠩᠭᠡ ᠶᠢᠨ ᠵᠠᠬ᠎ᠠ ᠳᠡᠯᠭᠡᠭᠦᠷ ᠤᠨ ᠬᠤᠯᠪᠤᠭᠠᠯᠠᠨ | ᠭᠦᠳᠡᠯᠦᠯᠴᠡᠬᠦ ᠪᠠ ᠪᠠᠭᠳᠠᠯᠴᠠᠬᠤ ᠶᠢ ᠠᠬᠢᠭᠤᠯᠤᠨ᠂ ᠡᠯ᠎ᠡ ᠲᠥᠷᠥᠯ ᠤᠨ ᠬᠥᠷᠥᠩᠭᠡ ᠶᠢ ᠲᠡᠮᠵᠢᠵᠦ ᠪᠠᠶᠢᠭᠠᠳ ᠮᠡᠷᠭᠡᠵᠢᠯ ᠢ ᠰᠢᠯᠵᠢᠭᠦᠯᠬᠦ ᠶᠢᠨ ᠪᠡᠯᠡ ᠣᠷᠣᠭᠤᠯᠵᠤ | ᠲᠤᠬᠢᠷᠠᠭᠤᠯᠬᠤ ᠠᠵᠢᠯᠯᠠᠭ᠎ᠠ ᠳᠤ ᠤᠷᠤᠯᠴᠠᠭᠤᠯᠵᠦ᠂ ᠬᠦᠷᠦᠩᠭᠡ ᠶᠢ ᠡᠷᠬᠢᠯᠳᠦᠬᠦᠯᠬᠦ ᠪᠠ ᠪᠤᠴᠠᠭᠠᠨ ᠭᠠᠷᠭᠠᠬᠤ ᠠᠷᠭ᠎ᠠ ᠵᠠᠮ ᠢ ᠦᠷᠬᠡᠳᠬᠡᠨ᠎ᠠ᠃ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠨ ᠦᠵᠡᠭᠦᠯᠬᠦ ᠬᠢᠭᠡᠳ ᠲᠠᠨᠢᠯᠴᠠᠭᠤᠯᠤᠨ ᠤᠬᠠᠭᠤᠯᠬᠤ ᠠᠵᠢᠯᠯᠠᠭ᠎ᠠ ᠥᠷᠨᠢᠭᠦᠯᠵᠦ᠂ ᠮᠡᠷᠭᠡᠵᠢᠯ᠂ ᠬᠦᠷᠦᠩᠭᠡ ᠪᠠ | ᠠᠵᠤ ᠠᠬᠤᠶᠢᠯᠠᠯ ᠤᠳ ᠤᠨ ᠲᠦᠢᠯ ᠤᠨ ᠤᠨᠤᠪᠴᠢᠳᠠᠢ ᠪᠠᠷ ᠵᠠᠯᠭᠠᠯᠳᠤᠬᠤ ᠶᠢ ᠠᠬᠢᠭᠤᠯᠤᠨ᠎ᠠ᠃ | ᠮᠡᠷᠭᠡᠵᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠰᠢᠯᠢᠳᠡᠭᠵᠢᠬᠦᠯᠵᠦ᠂ ᠡᠯ᠎ᠡ ᠲᠦᠷᠦᠯ ᠤᠨ ᠥᠮᠴᠢᠯᠡᠯ ᠤᠨ ᠡᠷᠬᠡ ᠪᠠᠷ ᠢᠯᠡ ᠲᠣᠳᠣᠷᠬᠠᠶ ᠪᠠᠶᠢᠭ᠎ᠠ | ᠰᠤᠳᠤᠯᠤᠨ ᠨᠡᠭᠡᠭᠡᠭᠰᠡᠨ ᠦᠷ᠎ᠡ ᠪᠦᠲᠦᠭᠡᠯ ᠢ ᠬᠥᠲᠥᠯᠥᠨ ᠵᠢᠯᠣᠭᠤᠳᠴᠤ ᠪᠠᠶᠢᠭᠠᠳ ᠵᠠᠬ᠎ᠠ ᠳᠡᠯᠭᠡᠭᠦᠷ ᠲᠤ ᠤᠷᠤᠭᠤᠯᠤᠨ ᠰᠤᠯᠢᠯᠴᠠᠵᠦ ᠠᠷᠠᠯᠵᠢᠶᠠᠯᠠᠭᠤᠯᠤᠨ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠠᠯ᠎ᠠ ᠪᠠᠷ ᠬᠢ ᠬᠥᠲᠥᠯᠥᠨ ᠵᠢᠯᠣᠭᠤᠳᠬᠤ ᠲᠦᠷᠦᠯ ᠤᠨ ᠲᠦᠷᠦᠯ ᠵᠦᠢᠯ ᠤᠨ ᠨᠥᠬᠦᠪᠥᠷᠢ᠂ | ᠮᠡᠷᠭᠡᠵᠢᠯ ᠢ ᠰᠤᠯᠢᠯᠴᠬᠠᠰᠠᠨ ᠤ ᠲᠠᠷᠠᠭᠠᠬᠢ ᠨᠦᠭᠦᠪᠦᠷᠢ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠢᠶᠠᠨ ᠲᠠᠨᠵᠢᠯᠠᠵᠦ ᠪᠠᠯᠠ ᠲᠤᠬᠢᠷᠠᠭᠤᠯᠬᠤ ᠶᠢᠨ | ᠨᠦᠭᠦᠪᠦᠷᠢ᠂ ᠲᠦᠭᠰᠢᠭᠦᠷᠢᠲᠦ ᠪᠠᠯᠠ ᠣᠷᠣᠭᠤᠯᠤᠯᠲᠠ ᠶᠢᠨ ᠨᠦᠭᠦᠪᠦᠷᠢ ᠵᠡᠷᠭᠡ ᠤᠷᠮᠠᠰᠢᠭᠤᠯᠬᠤ ᠳᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠮᠡᠷᠭᠡᠵᠢᠯ ᠢ | ᠰᠢᠯᠵᠢᠭᠦᠯᠬᠦ ᠦᠢᠯᠡᠴᠢᠯᠡᠬᠡᠨ ᠤ ᠵᠢᠷᠤᠮᠵᠢᠯ ᠢ ᠬᠡᠷᠡᠭᠵᠢᠬᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠦᠷ᠎ᠡ ᠪᠦᠳᠦᠬᠡᠯ ᠢ ᠠᠷᠠᠯᠵᠢᠶᠠᠯᠠᠬᠤ ᠤᠨᠴᠠᠯᠢᠭ ᠲᠤ | ᠲᠤᠬᠢᠷᠬᠠᠰᠠᠨ ᠵᠠᠬ᠎ᠠ ᠳᠡᠯᠭᠡᠭᠦᠷᠴᠢᠯᠡᠭᠰᠡᠨ ᠦᠨ᠎ᠡ ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ | ᠦᠨ᠎ᠡ ᠬᠠᠶᠠᠯᠴᠠᠨ ᠬᠤᠳᠠᠯᠳᠤᠬᠤ᠂ ᠮᠡᠷᠬᠡᠵᠢᠯ ᠤᠨ ᠰᠤᠯᠢᠯᠴᠠᠭᠠᠨ ᠤ ᠵᠠᠬ᠎ᠠ ᠲᠡᠯᠬᠡᠭᠦᠷ ᠲᠤ ᠲᠡᠮᠳᠡᠭ ᠬᠠᠳᠠᠵᠦ ᠠᠷᠠᠯᠵᠢᠶᠠᠯᠠᠬᠤ᠂ ᠵᠦᠪᠯᠡᠯᠴᠡᠬᠡᠷ ᠢᠶᠠᠷ ᠠᠷᠠᠯᠵᠢᠶ᠎ᠠ | ᠪᠦᠲᠦᠭᠰᠡᠨ ᠮᠡᠳᠡᠭᠡ ᠵᠠᠩᠭᠢ ᠶᠢ ᠢᠯᠡ ᠨᠡᠶᠢᠲᠡᠯᠡᠬᠦ ᠵᠡᠷᠭᠡ ᠠᠵᠢᠯ ᠤᠨ ᠴᠤᠪᠤᠷᠠᠯ ᠢ ᠲᠤᠳᠤᠷᠬᠠᠶᠢᠯᠠᠨ᠂ ᠮᠡᠷᠭᠡᠵᠢᠯ ᠢ ᠰᠢᠯᠵᠢᠭᠦᠯᠬᠦ ᠦᠢᠯᠡᠴᠢᠯᠡᠬᠡᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠮᠡᠷᠬᠡᠵᠢᠯ ᠢ ᠰᠢᠯᠵᠢᠬᠦᠯᠬᠦ ᠦᠢᠯᠡᠴᠢᠯᠡᠬᠡᠨ ᠤ ᠦᠢᠯᠡᠰ ᠤᠨ ᠲᠤᠰᠬᠠᠢ ᠵᠦᠢᠯ ᠤᠨ ᠪᠦᠷᠢᠳᠬᠡᠬᠦ ᠲᠦᠷᠢᠮ ᠢ ᠪᠠᠶᠢᠭᠤᠯᠤᠨ ᠪᠦᠷᠢᠨᠰᠢᠬᠦᠯᠵᠦ᠂ | ᠮᠡᠷᠭᠡᠵᠢᠯ ᠤᠨ ᠭᠡᠷ᠎ᠡ ᠶᠢ ᠲᠠᠩᠰᠠᠯᠠᠨ ᠲᠡᠮᠳᠡᠭᠯᠡᠬᠦ ᠬᠠᠮᠢᠶᠠᠷᠤᠯᠲᠠ ᠶᠢᠨ ᠠᠷᠭ᠎ᠠ ᠶᠢ ᠲᠡᠭᠦᠯᠳᠡᠷᠵᠢᠬᠦᠯᠦᠨ᠂ ᠠᠮᠵᠢᠯᠲᠠ ᠪᠦᠲᠦᠮᠵᠢ ᠪᠠᠷ ᠳᠤᠪᠤᠶᠢᠮ᠎ᠠ ᠪᠠᠶᠢᠭ᠎ᠠ ᠭᠡᠷ᠎ᠡ ᠶᠢ | ᠮᠠᠭᠠᠳᠯᠠᠨ ᠲᠤᠨᠨᠳᠠᠭᠠᠵᠦ ᠲᠠᠩᠰᠠᠯᠠᠨ ᠲᠡᠮᠳᠡᠭᠯᠡᠬᠦ ᠪᠠᠶᠢᠭᠤᠯᠤᠮᠵᠢ ᠶᠢ ᠲᠣᠭᠲᠠᠭᠠᠯ ᠶᠣᠰᠣᠭᠠᠷ ᠱᠠᠩᠨᠠᠨ ᠭᠦᠬᠢᠬᠦᠯᠦᠨᠠ᠃ | ︵ᠭᠤᠷᠪᠠ︶ ᠮᠡᠷᠬᠡᠵᠢᠯ ᠢ ᠰᠢᠯᠵᠢᠬᠦᠯᠬᠦ ᠪᠠᠶᠢᠭᠤᠯᠤᠮᠵᠢ ᠶᠢ ᠶᠡᠭᠡ ᠪᠠᠷ ᠪᠤᠶᠢᠵᠢᠭᠤᠯᠤᠨ᠎ᠠ | ᠵᠠᠰᠠᠭ ᠤᠨ ᠤᠷᠳᠤᠨ ᠤ ᠭᠦᠳᠦᠯᠦᠨ ᠵᠢᠯᠤᠭᠤᠳᠬᠤ ᠬᠢᠬᠡᠳ ᠦᠢᠯᠡᠴᠢᠯᠡᠬᠦ ᠶᠢ ᠴᠢᠩᠭᠠᠷᠠᠭᠤᠯᠵᠦ᠂ ᠪᠦᠭᠦ ᠤᠷᠤᠨ ᠤ ᠮᠡᠷᠬᠡᠵᠢᠯ ᠢ ᠰᠢᠯᠵᠢᠬᠦᠯᠬᠦ ᠪᠠᠶᠢᠭᠤᠯᠤᠮᠵᠢ ᠶᠢ | ᠪᠤᠶᠢᠵᠢᠭᠤᠯᠵᠦ ᠵᠢᠯᠤᠭᠤᠳᠬᠤ ᠪᠠᠨ ᠴᠢᠩᠭᠠᠳᠬᠠᠨ᠂ ᠮᠡᠷᠬᠡᠵᠢᠯ ᠢ ᠰᠢᠯᠵᠢᠬᠦᠯᠬᠦ ᠪᠠᠶᠢᠭᠤᠯᠤᠮᠵᠢ ᠶᠢᠨ ᠵᠠᠬ᠎ᠠ ᠲᠡᠯᠬᠡᠭᠦᠷᠴᠢᠯᠡᠭᠰᠡᠨ᠂ ᠲᠤᠰᠬᠠᠶᠢᠵᠢᠨᠨᠰᠠᠨ ᠪᠠ ᠵᠢᠷᠤᠮᠵᠢᠨᠨᠰᠠᠨ | ᠭᠦᠭᠵᠢᠯᠳᠡ ᠶᠢ ᠭᠦᠳᠦᠯᠦᠨ ᠵᠢᠯᠤᠭᠤᠳᠴᠤ᠂ ᠦᠢᠯᠡᠴᠢᠯᠡᠬᠦ ᠴᠢᠳᠠᠪᠤᠷᠢ ᠪᠠ ᠬᠢᠷᠢ ᠬᠡᠮᠵᠢᠶ᠎ᠡ ᠶᠢ ᠨᠢ ᠲᠡᠬᠡᠭᠰᠢᠯᠡᠬᠦᠯᠦᠨ᠂ ᠵᠢᠱᠢᠶ᠎ᠡ ᠦᠵᠡᠬᠦᠯᠵᠦ ᠲᠠᠶᠢᠴᠢᠯᠠᠨ ᠲᠠᠭᠠᠭᠤᠯᠬᠤ | ᠦᠢᠯᠡᠳᠦᠯ ᠪᠦᠭᠦᠢ ᠨᠢᠬᠡ ᠪᠦᠯᠦᠭ ᠮᠡᠷᠬᠡᠵᠢᠯ ᠢ ᠰᠢᠯᠵᠢᠬᠦᠯᠬᠦ ᠪᠠᠶᠢᠭᠤᠯᠤᠮᠵᠢ ᠶᠢ ᠪᠤᠶᠢᠵᠢᠭᠤᠯᠤᠨ᠎ᠠ᠃ ᠮᠡᠷᠬᠡᠵᠢᠯ ᠢ ᠰᠢᠯᠵᠢᠬᠦᠯᠬᠦ ᠦᠢᠯᠡᠴᠢᠯᠡᠬᠡᠨ ᠤ ᠭᠦᠷᠢᠶ᠎ᠡ ᠴᠠᠷᠠᠭ᠎ᠠ ᠶᠢ | ᠦᠷᠬᠡᠳᠬᠡᠵᠦ᠂ ᠮᠡᠳᠡᠯᠬᠡ ᠶᠢᠨ ᠪᠦᠳᠦᠬᠡᠭᠳᠡᠬᠦᠨ ᠤ ᠦᠮᠴᠢᠯᠡᠯ ᠤᠨ ᠡᠷᠬᠡ᠂ ᠬᠠᠤᠯᠢ ᠴᠠᠭᠠᠵᠠ ᠶᠢᠨ ᠵᠦᠪᠯᠡᠯᠬᠡ᠂ ᠭᠦᠷᠦᠩᠬᠡ ᠮᠦᠩᠬᠦ ᠶᠢ ᠨᠢ ᠦᠨᠡᠯᠡᠨ ᠵᠢᠱᠢᠬᠦ᠂ | ᠮᠡᠷᠬᠡᠵᠢᠯ ᠢ ᠨᠢ ᠦᠨᠡᠯᠡᠬᠦ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠮᠦᠩᠬᠦᠨ ᠭᠦᠢᠯᠬᠡᠬᠡ ᠵᠡᠷᠬᠡ ᠲᠤᠰᠬᠠᠶᠢᠵᠢᠨᠨᠰᠠᠨ ᠦᠢᠯᠡᠴᠢᠯᠡᠭᠡ ᠦᠷᠨᠢᠬᠦᠯᠬᠦ ᠶᠢ | ᠵᠤᠷᠢᠨᠨᠵᠢᠭᠤᠯᠤᠨ᠎ᠠ᠃ ᠮᠡᠷᠬᠡᠵᠢᠯ ᠢ ᠰᠢᠯᠵᠢᠬᠦᠯᠬᠦ ᠦᠢᠯᠡᠴᠢᠯᠡᠭᠡ ᠶᠢᠨ ᠠᠮᠵᠢᠯᠳᠠ ᠪᠦᠳᠦᠮᠵᠢ ᠶᠢᠨ ᠦᠨᠡᠯᠡᠯᠳᠡ ᠬᠢᠬᠦ ᠶᠢ ᠦᠷᠨᠢᠬᠦᠯᠵᠦ᠂ ᠦᠨᠡᠯᠡᠬᠡᠳ ᠬᠢᠷᠢ ᠲᠡᠩᠴᠡᠭᠰᠡᠨ | ᠮᠡᠷᠬᠡᠵᠢᠯ ᠢ ᠰᠢᠯᠵᠢᠬᠦᠯᠬᠦ ᠪᠠᠶᠢᠭᠤᠯᠤᠮᠵᠢ ᠳᠤ ᠲᠠᠷᠠᠭᠠᠬᠢ ᠨᠦᠬᠦᠪᠦᠷᠢ ᠶᠢᠨ ᠲᠡᠮᠵᠢᠯᠬᠡ ᠦᠵᠡᠬᠦᠯᠦᠨ᠎ᠠ᠃ | ︵ᠲᠦᠷᠪᠡ︶ ᠮᠡᠷᠭᠡᠵᠢᠯ ᠢ ᠰᠢᠯᠵᠢᠭᠦᠯᠬᠦ ᠴᠢᠳᠠᠪᠤᠷᠢᠲᠠᠨ ᠤ ᠡᠩᠨᠡᠭᠡ ᠶᠢ ᠬᠥᠭᠵᠢᠭᠦᠯᠦᠨ ᠪᠤᠵᠠᠭᠠᠶᠢᠷᠠᠭᠤᠯᠤᠨ᠎ᠠ | ᠨᠥᠬᠦᠴᠡᠯ ᠲᠠᠢ ᠳᠡᠭᠡᠳᠦ ᠰᠤᠷᠭᠠᠭᠤᠯᠢ ᠨᠤᠭᠤᠳ ᠤᠨ ᠮᠡᠷᠭᠡᠵᠢᠯ ᠢ ᠰᠢᠯᠵᠢᠭᠦᠯᠬᠦ ᠬᠠᠮᠢᠶ᠎ᠠ ᠪᠥᠬᠦᠶ ᠬᠢᠴᠢᠶᠡᠯ ᠲᠤᠬᠢᠷᠠᠭᠤᠯᠬᠤ ᠶᠢ ᠵᠤᠷᠢᠨᠨᠵᠢᠭᠤᠯᠵᠦ᠂ ᠠᠵᠤ | ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠠᠵᠢᠯ ᠲᠥᠷᠥᠯ ᠤᠨ ᠨᠡᠶᠢᠭᠡᠮᠯᠢᠭ ᠵᠡᠷᠭᠡ ᠲᠠᠢ ᠬᠠᠮᠲᠤ ᠪᠠᠷ ᠮᠡᠷᠭᠡᠵᠢᠯ ᠢ ᠰᠢᠯᠵᠢᠭᠦᠯᠬᠦ | ᠴᠢᠳᠠᠪᠤᠷᠢᠲᠠᠨ ᠭᠦᠮᠦᠵᠢᠬᠦᠯᠬᠦ ᠰᠠᠭᠤᠷᠢᠨ ᠭᠠᠵᠠᠷ ᠪᠠᠶᠢᠭᠤᠯᠤᠨ᠂ ᠬᠤᠯᠪᠤᠭᠠᠯᠠᠵᠦ ᠬᠥᠮᠦᠵᠢᠭᠦᠯᠬᠦ ᠲᠣᠭᠲᠠᠴᠠ ᠶᠢ ᠪᠠᠶᠢᠭᠤᠯᠵᠤ᠂ ᠮᠡᠷᠭᠡᠵᠢᠯ ᠢ ᠰᠢᠯᠵᠢᠭᠦᠯᠬᠦ | ᠬᠠᠮᠢᠶᠠᠷᠤᠯᠲᠠ ᠶᠢᠨ ᠠᠵᠢᠯᠳᠠᠨ᠂ ᠮᠡᠷᠭᠡᠵᠢᠯ ᠤᠨ ᠵᠠᠭᠤᠴᠢᠯᠠᠭᠴᠢ᠂ ᠮᠡᠷᠭᠡᠵᠢᠯ ᠤᠨ ᠡᠵᠡᠩᠨᠡᠨ ᠡᠷᠬᠢᠯᠡᠭᠴᠢ ᠵᠡᠷᠭᠡ ᠴᠢᠳᠠᠪᠤᠷᠢᠲᠠᠨ ᠢ ᠪᠣᠯᠪᠠᠰᠤᠷᠠᠭᠤᠯᠬᠤ ᠡᠷᠴᠢᠮ ᠢ ᠨᠢ | ᠴᠢᠩᠭᠠᠷᠠᠭᠤᠯᠤᠨ᠎ᠠ᠃ ᠮᠡᠷᠭᠡᠵᠢᠯ ᠢ ᠰᠢᠯᠵᠢᠭᠦᠯᠬᠦ ᠴᠢᠳᠠᠪᠤᠷᠢᠳᠠᠳ ᠢ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠮᠡᠷᠭᠡᠵᠢᠯ ᠢ | ᠰᠢᠯᠵᠢᠭᠦᠯᠦᠭᠰᠡᠨ ᠢᠶᠠᠷ ᠰᠢᠯᠢᠳᠡᠭ ᠴᠢᠳᠠᠪᠤᠷᠢᠳᠠᠳ ᠢ ᠱᠠᠩᠨᠠᠨ ᠭᠦᠬᠢᠬᠦᠯᠦᠨᠠ᠃ | ︵ᠲᠠᠪᠤ︶ ᠮᠡᠷᠭᠡᠵᠢᠯ ᠢ ᠰᠢᠯᠵᠢᠭᠦᠯᠬᠦ ᠠᠷᠭ᠎ᠠ ᠵᠠᠮ ᠢ ᠪᠦᠭᠦ ᠲᠠᠯ᠎ᠠ ᠪᠠᠷ ᠦᠷᠬᠡᠳᠬᠡᠨ᠎ᠠ | ᠣᠷᠣᠨ ᠪᠦᠰᠡ ᠶᠢᠨ ᠮᠡᠷᠭᠡᠵᠢᠯ ᠢ ᠰᠢᠯᠵᠢᠭᠦᠯᠬᠦ ᠲᠠᠯ᠎ᠠ ᠪᠠᠷ ᠬᠢ ᠬᠠᠮᠳᠤᠷᠠᠨ ᠠᠵᠢᠯᠯᠠᠬᠤ ᠶᠢ ᠴᠢᠩᠭᠠᠷᠠᠭᠤᠯᠵᠦ᠂ ᠶᠠᠮᠤᠨ ᠬᠢᠬᠡᠳ ᠦᠪᠡᠷᠳᠡᠬᠡᠨ ᠵᠠᠰᠠᠬᠤ ᠤᠷᠤᠨ ᠤ | ᠬᠤᠭᠤᠷᠤᠨᠳᠤ ᠶᠢᠨ ᠬᠠᠮᠳᠤᠷᠠᠨ ᠵᠦᠪᠳᠡᠯᠴᠡᠬᠦ ᠶᠢ ᠴᠢᠩᠭᠠᠳᠬᠠᠨ᠂ ᠬᠥᠭᠵᠢᠭᠡᠳᠦᠶ ᠭᠠᠵᠠᠷ ᠣᠷᠣᠨ ᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠳᠡᠮᠵᠢᠬᠦ | ᠲᠠᠯ᠎ᠠ ᠪᠠᠷ ᠬᠢ ᠤᠯᠤᠰ ᠤᠨ ᠲᠥᠷᠥ ᠶᠢᠨ ᠪᠣᠳᠣᠯᠭ᠎ᠠ ᠶᠢ ᠴᠢᠷᠮᠠᠶᠢᠨ ᠤᠯᠤᠨ᠎ᠠ᠃ ᠪᠡᠭᠡᠵᠢᠩ ᠲᠢᠶᠠᠨᠵᠢᠨ ᠡᠾᠧᠪᠸᠢ ᠣᠷᠣᠨ ᠪᠠ ᠡᠷᠭᠢᠨ ᠲᠣᠭᠤᠷᠢᠨ ᠤ ᠮᠤᠵᠢ ︵ᠣᠷᠣᠨ᠂ | ᠬᠤᠳᠠ︶ ᠲᠠᠢ ᠬᠤᠯᠪᠣᠭ᠎ᠠ ᠠᠪᠴᠤ ᠵᠠᠯᠭᠠᠭᠤᠯᠬᠤ ᠶᠢ ᠴᠢᠩᠭᠠᠳᠬᠠᠵᠦ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ | ᠬᠥᠭᠵᠢᠭᠰᠡᠨ ᠭᠠᠵᠠᠷ ᠣᠷᠣᠨ ᠯᠤᠭ᠎ᠠ ᠬᠠᠮᠳᠤᠷᠠᠯᠴᠠᠵᠦ ᠰᠤᠯᠢᠯᠴᠠᠬᠤ ᠪᠠᠨ ᠦᠷᠬᠡᠳᠬᠡᠨ᠎ᠠ᠃ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠳᠡᠭᠡᠳᠦ | ᠰᠤᠷᠭᠠᠭᠤᠯᠢ ᠲᠠᠢ ᠲᠤᠬᠠᠶᠢᠯᠠᠭᠰᠠᠨ ᠠᠵᠢᠯ ᠤᠨ ᠲᠠᠯ᠎ᠠ ᠪᠠᠷ ᠬᠠᠮᠳᠤᠷᠠᠯᠴᠠᠬᠤ ᠶᠢ ᠴᠢᠩᠭᠠᠳᠬᠠᠨ᠂ ᠶᠡᠭᠡ ᠬᠦᠴᠦ ᠵᠠᠷᠤᠴᠠᠭᠤᠯᠵᠦ ᠪᠠᠶᠢᠭᠠᠳ ᠰᠢᠨ᠎ᠡ ᠬᠡᠯᠪᠡᠷᠢ ᠪᠦᠭᠦᠢ | ᠰᠤᠳᠤᠯᠤᠨ ᠨᠡᠭᠡᠭᠡᠬᠦ ᠪᠠᠶᠢᠭᠤᠯᠤᠮᠵᠢ ᠪᠠ ᠰᠢᠨ᠎ᠡ ᠶᠢ ᠡᠭᠦᠳᠬᠦ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠤᠯᠤᠰ ᠤᠨ ᠳᠣᠲᠣᠭᠠᠳᠤ ᠶᠢᠨ ᠮᠡᠷᠭᠡᠵᠢᠯ ᠢ ᠰᠢᠯᠵᠢᠭᠦᠯᠬᠦ | ᠲᠠᠯ᠎ᠠ ᠪᠠᠷ ᠬᠢ ᠬᠥᠲᠥᠴᠢ ᠠᠵᠤ ᠠᠬᠤᠶᠢᠯᠠᠯ ᠲᠠᠢ ᠲᠤᠨᠨᠳᠠᠪᠤᠷᠢᠳᠠᠢ ᠬᠠᠮᠳᠤᠷᠠᠯᠴᠠᠬᠤ ᠬᠠᠷᠢᠴᠠᠭ᠎ᠠ ᠪᠠᠶᠢᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠪᠠ ᠬᠡᠷᠡᠭᠯᠡᠭᠡᠨ ᠳᠤ ᠲᠤᠬᠢᠷᠠᠬᠤ ᠲᠡᠷᠢᠬᠦᠨ ᠤ ᠮᠡᠷᠭᠡᠵᠢᠯ ᠢ ᠥᠪᠡᠷᠲᠡᠭᠡᠨ ᠵᠠᠰᠠᠬᠤ ᠣᠷᠣᠨ ᠳᠤ ᠪᠤᠳᠠᠳᠠᠶᠢᠵᠢᠭᠤᠯᠵᠦ ᠤᠯᠠᠷᠢᠭᠤᠯᠬᠤ ᠶᠢ ᠠᠬᠢᠭᠤᠯᠤᠨ᠎ᠠ᠃ | ᠤᠯᠠᠨ ᠤᠯᠤᠰ ᠯᠤᠭ᠎ᠠ ᠶᠢᠨ ᠮᠡᠷᠭᠡᠵᠢᠯ ᠢ ᠰᠢᠯᠵᠢᠭᠦᠯᠬᠦ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠢᠲ᠋ᠠᠯᠢ᠂ ᠭᠧᠷᠮᠠᠨ᠂ ᠢᠰᠷᠧᠯ᠂ ᠰᠸᠧᠳᠧᠨ᠂ ᠶᠠᠫᠣᠨ᠂ | ᠺᠣᠷᠢᠶᠠ ᠵᠡᠷᠭᠡ ᠬᠥᠭᠵᠢᠭᠰᠡᠨ ᠤᠯᠤᠰ ᠤᠨ ᠴᠢᠬᠤᠯᠠ ᠪᠤᠯᠬᠤ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠲᠠᠢ ᠪᠣᠳᠠᠲᠠᠢ ᠶᠢ ᠡᠷᠬᠢᠮᠯᠡᠭᠰᠡᠨ | ᠬᠠᠮᠲᠤᠷᠠᠯᠴᠠᠭ᠎ᠠ ᠶᠢ ᠭᠦᠨᠵᠡᠬᠡᠢ ᠦᠷᠨᠢᠬᠦᠯᠦᠨ᠂ ᠣᠷᠣᠰ᠂ ᠮᠤᠩᠭᠤᠯ᠂ ᠵᠡᠭᠦᠨ ᠡᠮᠦᠨᠡᠲᠦ ᠠᠽᠢᠶ᠎ᠠ ᠵᠡᠷᠭᠡ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠪᠠ | ᠭᠠᠵᠠᠷ ᠣᠷᠣᠨ ᠲᠠᠢ ᠮᠡᠷᠭᠡᠵᠢᠯ ᠢ ᠰᠢᠯᠵᠢᠭᠦᠯᠬᠦ ᠬᠠᠮᠲᠤᠷᠠᠯᠴᠠᠭ᠎ᠠ ᠰᠣᠯᠢᠯᠴᠠᠭ᠎ᠠ ᠪᠠᠨ ᠦᠷᠬᠡᠳᠬᠡᠵᠦ᠂ ᠲᠡᠷᠢᠭᠦᠨ ᠤ ᠮᠡᠷᠭᠡᠵᠢᠯ ᠢ ᠶᠡᠭᠡ ᠪᠠᠷ ᠤᠷᠤᠭᠤᠯᠤᠨ ᠠᠪᠴᠢᠷᠠᠵᠦ᠂ | ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠢ ᠰᠢᠯᠵᠢᠭᠦᠯᠬᠦ ᠳᠡᠯᠡᠬᠡᠶᠢᠴᠢᠯᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤᠨ ᠤ ᠮᠡᠷᠭᠡᠵᠢᠯ ᠢ ᠰᠢᠯᠵᠢᠭᠦᠯᠬᠦ ᠠᠵᠢᠯ ᠤᠨ | ᠰᠦᠯᠵᠢᠶ᠎ᠡ ᠶᠢ ᠪᠠᠶᠢᠭᠤᠯᠤᠨ ᠪᠦᠷᠢᠨᠰᠢᠬᠦᠯᠵᠦ᠂ ᠳᠤᠮᠳᠠ᠂ ᠵᠡᠭᠦᠨ᠂ ᠪᠠᠷᠠᠭᠤᠨ ᠬᠡᠰᠡᠭ ᠤᠨ ᠭᠠᠵᠠᠷ ᠣᠷᠣᠨ ᠳᠤ ᠮᠡᠷᠭᠡᠵᠢᠯ ᠤᠨ ᠰᠤᠯᠢᠯᠴᠠᠭᠠᠨ ᠤ ᠪᠠᠶᠢᠩᠭᠤ ᠶᠢᠨ ᠵᠠᠬ᠎ᠠ | ᠳᠡᠯᠭᠡᠭᠦᠷ ᠢ ᠪᠠᠶᠢᠭᠤᠯᠤᠨ ᠲᠡᠭᠦᠯᠳᠡᠷᠵᠢᠬᠦᠯᠵᠦ᠂ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠬᠠᠨᠳᠤᠭᠤᠯᠤᠨᠨᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠦᠷ᠎ᠡ ᠪᠦᠲᠦᠭᠡᠯ ᠢ ᠲᠠᠨᠢᠯᠴᠠᠭᠤᠯᠬᠤ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠦᠷᠨᠢᠬᠦᠯᠦᠨ᠂ ᠬᠡᠷᠡᠭᠯᠡᠭᠡᠨ ᠳᠤ ᠲᠤᠬᠢᠷᠠᠬᠤ ᠲᠡᠷᠢᠬᠦᠨ ᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠬᠤᠰᠢᠭᠤ ᠰᠢᠶᠠᠨ ︵ᠬᠤᠳᠠ᠂ ᠲᠣᠭᠤᠷᠢᠭ︶ ᠲᠡᠶᠢᠰᠢ ᠰᠢᠯᠵᠢᠭᠦᠯᠵᠦ ᠤᠯᠠᠷᠢᠭᠤᠯᠬᠤ ᠪᠠᠨ ᠲᠦᠷᠬᠡᠳᠬᠡᠵᠦ᠂ ᠬᠤᠰᠢᠭᠤ | ᠰᠢᠶᠠᠨ ᠤ ᠬᠡᠪᠴᠢᠶᠡᠨ ᠳᠠᠬᠢ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠨᠨᠰᠠᠨ ᠭᠦᠭᠵᠢᠯᠳᠡ ᠶᠢ ᠠᠬᠢᠭᠤᠯᠤᠨ᠎ᠠ᠃ | ᠴᠡᠷᠢᠭ ᠠᠷᠠᠳ ᠤᠨ ᠬᠡᠷᠡᠭᠴᠡᠬᠡᠨ ᠤ ᠮᠡᠷᠬᠡᠵᠢᠯ ᠤᠨ ᠲᠠᠯ᠎ᠠ ᠳᠠᠬᠢ ᠬᠠᠩᠭᠠᠯᠭ᠎ᠠ ᠬᠡᠷᠡᠭᠴᠡᠭᠡ ᠶᠢ ᠵᠠᠯᠭᠠᠯᠳᠤᠭᠤᠯᠬᠤ ᠪᠠᠨ ᠴᠢᠩᠭᠠᠳᠬᠠᠨ᠂ ᠴᠡᠷᠢᠭ ᠠᠷᠠᠳ ᠤᠨ | ᠬᠡᠷᠡᠭᠴᠡᠬᠡᠨ ᠤ ᠮᠡᠷᠭᠡᠵᠢᠯ ᠤᠨ ᠲᠠᠯ᠎ᠠ ᠳᠠᠬᠢ ᠬᠠᠩᠭᠠᠯᠭ᠎ᠠ ᠬᠡᠷᠡᠭᠴᠡᠭᠡ ᠶᠢ ᠵᠠᠯᠭᠠᠯᠳᠤᠭᠤᠯᠬᠤ ᠲᠠᠪᠴᠠᠩ ᠢ ᠪᠠᠶᠢᠭᠤᠯᠵᠤ᠂ ᠴᠡᠷᠢᠭ ᠠᠷᠠᠳ ᠤᠨ ᠬᠡᠷᠡᠭᠴᠡᠬᠡᠨ ᠤ ᠰᠤᠳᠤᠯᠤᠨ | ᠨᠡᠭᠡᠭᠡᠬᠦ ᠡᠬᠢ ᠪᠠᠶᠠᠯᠢᠭ ᠢ ᠬᠠᠮᠲᠤ ᠳᠤ ᠪᠠᠨ ᠭᠦᠷᠳᠡᠬᠦ ᠶᠢ ᠴᠢᠩᠭᠠᠳᠬᠠᠨ᠎ᠠ᠃ ᠪᠤᠭᠤᠲᠤ ᠬᠤᠲᠠ ᠳᠤ ᠴᠡᠷᠢᠭ ᠠᠷᠠᠳ ᠤᠨ ᠬᠡᠷᠡᠭᠴᠡᠬᠡᠨ ᠤ ᠠᠭᠤᠰᠤᠯᠴᠠᠭᠤᠯᠤᠨᠨᠰᠠᠨ | ᠮᠡᠷᠭᠡᠵᠢᠯ ᠢ ᠰᠢᠯᠵᠢᠭᠦᠯᠬᠦ ᠲᠣᠭᠲᠠᠴᠠ ᠶᠢ ᠰᠦᠪᠡᠭᠴᠢᠯᠡᠬᠦ ᠪᠠ ᠲᠦᠷᠦ ᠶᠢᠨ ᠪᠤᠳᠤᠯᠭ᠎ᠠ ᠶᠢᠨ ᠲᠤᠷᠰᠢᠯᠲᠠ ᠶᠢᠨ ᠴᠡᠭ ᠢ ᠥᠷᠨᠢᠭᠦᠯᠵᠦ᠂ ᠨᠡᠶᠢᠳᠡᠯᠢᠭ ᠦᠷ᠎ᠡ ᠪᠦᠳᠦᠬᠡᠯ ᠢ | ᠰᠢᠯᠵᠢᠬᠦᠯᠵᠦ ᠤᠯᠠᠷᠢᠭᠤᠯᠬᠤ ᠳᠤ ᠵᠢᠱᠢᠶ᠎ᠡ ᠦᠵᠡᠬᠦᠯᠬᠦ ᠶᠢ ᠦᠷᠨᠢᠬᠦᠯᠦᠨ᠎ᠠ᠃ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠷᠦᠯ ᠵᠦᠢᠯ ᠤᠳ ᠢ | ᠴᠡᠷᠢᠭ ᠠᠷᠠᠳ ᠬᠤᠯᠪᠤᠭᠠᠯᠠᠵᠦ ᠨᠤᠲᠠᠯᠠᠯᠲᠠ ᠬᠢᠬᠦ ᠬᠢᠬᠡᠳ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢᠨ ᠰᠢᠨ᠎ᠡ ᠲᠣᠭᠲᠠᠴᠠ ᠶᠢ ᠰᠦᠪᠡᠭᠴᠢᠯᠡᠨ᠎ᠡ᠃ | ︵ᠵᠢᠷᠭᠤᠭ᠎ᠠ︶ ᠰᠢᠨ᠎ᠠ ᠶᠢ ᠡᠭᠦᠳᠬᠦ ᠪᠠ ᠦᠢᠯᠡᠰ ᠴᠤᠨᠨᠴᠠᠯᠠᠬᠤ ᠶᠢ ᠢᠳᠡᠪᠬᠢᠳᠡᠢ ᠪᠠᠷ ᠲᠡᠮᠵᠢᠨ᠎ᠠ | ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠳ ᠢ ᠭᠦᠳᠦᠯᠦᠨ ᠵᠢᠯᠤᠭᠤᠳᠴᠤ ᠪᠠᠶᠢᠭᠠᠳ ᠠᠵᠤ ᠠᠬᠤᠶᠢᠯᠠᠯ ᠳᠤ ᠬᠠᠨᠳᠤᠭᠤᠯᠤᠨ ᠮᠡᠷᠭᠡᠵᠢᠯ ᠢ ᠨᠡᠭᠡᠭᠡᠨ | ᠬᠥᠭᠵᠢᠭᠦᠯᠬᠦ᠂ ᠮᠡᠷᠭᠡᠵᠢᠯ ᠢ ᠰᠢᠯᠵᠢᠬᠦᠯᠦᠨ ᠬᠤᠳᠠᠯᠳᠤᠬᠤ᠂ ᠮᠡᠷᠭᠡᠵᠢᠯ ᠤᠨ ᠵᠦᠪᠯᠡᠯᠬᠡ ᠦᠭᠬᠦ᠂ ᠮᠡᠷᠭᠡᠵᠢᠯ ᠤᠨ ᠦᠢᠯᠡᠴᠢᠯᠡᠭᠡ ᠦᠷᠨᠢᠬᠦᠯᠵᠦ᠂ ᠠᠵᠤ ᠠᠬᠤᠶᠢᠯᠠᠯ ᠳᠤ | ᠲᠤᠰᠢᠶᠠᠯ ᠡᠭᠦᠷᠬᠡᠯᠡᠬᠦ᠂ ᠲᠤᠰᠢᠶᠠᠯ ᠬᠠᠪᠰᠤᠷᠭᠠᠬᠤ ᠪᠤᠶᠤ ᠠᠵᠢᠯᠯᠠᠵᠦ ᠪᠠᠶᠢᠬᠤ ᠬᠤᠭᠤᠴᠠᠭᠠᠨ ᠳᠤ ᠪᠠᠨ ᠠᠵᠦ ᠠᠬᠤᠶᠢᠯᠠᠯ ᠡᠭᠦᠳᠦᠨ ᠡᠷᠬᠢᠯᠡᠬᠦ ᠵᠢᠴᠢ ᠠᠵᠢᠯ ᠤᠨ 365赢多少钱会被限额_国内有真正的365平台吗_365bet博彩官网 | ᠪᠠᠶᠢᠷᠢ ᠠᠴᠠ ᠪᠠᠨ ᠰᠠᠯᠵᠤ ᠦᠢᠯᠡᠰ ᠴᠤᠨᠨᠴᠠᠯᠠᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠲᠠᠮᠵᠢᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠦᠷ᠎ᠡ ᠪᠦᠲᠦᠭᠡᠯ ᠢ ᠳᠤᠮᠳᠠ ᠵᠢᠵᠢᠭ ᠪᠢᠴᠢᠯ ᠠᠵᠤ ᠠᠬᠤᠶᠢᠯᠠᠯ ᠲᠡᠶᠢᠰᠢ ᠰᠢᠯᠵᠢᠬᠦᠯᠬᠦ ᠶᠢ ᠠᠬᠢᠭᠤᠯᠤᠨ᠎ᠠ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ | ᠰᠤᠳᠤᠯᠤᠯ ᠤᠨ ᠬᠦᠷᠢᠶᠡᠯᠡᠩ ᠭᠠᠵᠠᠷ ᠤᠳ ᠨᠢ ᠲᠤᠨᠨᠳᠠᠮᠠᠯ ᠪᠤᠰᠤ ᠠᠵᠢᠯ ᠤᠨ ᠪᠠᠶᠢᠷᠢ ᠲᠤᠬᠢᠷᠠᠭᠤᠯᠬᠤ ᠵᠡᠷᠬᠡ ᠠᠷᠭ᠎ᠠ ᠮᠠᠶ᠋ᠢᠭ ᠢᠶᠠᠷ ᠲᠠᠮᠵᠢᠭᠤᠯᠵᠦ᠂ ᠠᠵᠦ | ᠠᠬᠤᠶᠢᠯᠠᠯ ᠤᠨ ᠰᠢᠨ᠎ᠠ ᠶᠢ ᠡᠭᠦᠳᠴᠤ ᠦᠢᠯᠡᠰ ᠴᠤᠨᠨᠴᠠᠯᠠᠬᠤ ᠴᠢᠳᠠᠪᠤᠷᠢᠳᠠᠳ ᠢ ᠭᠦᠳᠦᠯᠦᠨ ᠲᠠᠳᠠᠵᠦ ᠪᠠᠶᠢᠭᠠᠳ ᠮᠡᠷᠬᠡᠵᠢᠯ ᠢ ᠰᠢᠯᠵᠢᠬᠦᠯᠬᠦ ᠠᠵᠢᠯ ᠳᠤ ᠲᠤᠰᠢᠶᠠᠯ | ᠬᠠᠪᠰᠤᠷᠭᠠᠵᠦ ᠠᠵᠢᠯᠯᠠᠬᠤ ᠶᠢ ᠨᠢ ᠲᠡᠮᠵᠢᠨ᠎ᠠ᠃ | ᠰᠢᠨ᠎ᠡ ᠶᠢ ᠡᠭᠦᠳᠴᠤ ᠦᠢᠯᠡᠰ ᠴᠣᠭᠴᠠᠯᠠᠬᠤ ᠠᠴᠢᠶᠡᠯᠡᠪᠦᠷᠢ ᠶᠢᠨ ᠮᠡᠷᠭᠡᠵᠢᠯ ᠢ ᠰᠢᠯᠵᠢᠭᠦᠯᠬᠦ ᠡᠭᠦᠷᠬᠡ ᠴᠢᠳᠠᠮᠵᠢ ᠶᠢ ᠨᠢ ᠴᠢᠩᠭᠠᠷᠠᠭᠤᠯᠤᠨ᠎ᠠ᠃ ᠪᠣᠳᠠᠲᠤ | ᠴᠤᠨᠨᠴᠠᠳᠤ ᠠᠵᠤ ᠠᠬᠤᠶ ᠪᠠ ᠳᠠᠪᠠᠭᠤᠯᠢᠭ ᠠᠵᠤ ᠦᠢᠯᠡᠰ ᠲᠤ ᠠᠩᠬᠠᠷᠤᠯ ᠢᠶᠠᠨ ᠬᠠᠨᠳᠤᠭᠤᠯᠵᠦ᠂ ᠠᠵᠤ ᠠᠬᠤᠶᠢᠯᠠᠯ᠂ ᠳᠡᠭᠡᠳᠦ ᠰᠤᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠢ ᠭᠦᠳᠦᠯᠦᠨ ᠵᠢᠯᠤᠭᠤᠳᠴᠤ ᠪᠠᠶᠢᠭᠠᠳ ᠤᠯᠠᠨ ᠢᠶᠠᠷ ᠢᠶᠠᠨ ᠦᠢᠯᠡᠰ ᠴᠤᠨᠨᠴᠠᠯᠠᠵᠦ ᠰᠢᠨ᠎ᠠ ᠶᠢ ᠡᠭᠦᠳᠬᠦ | ᠲᠤᠰᠬᠠᠶᠢᠵᠢᠨᠨᠰᠠᠨ ᠣᠷᠣᠨ ᠵᠠᠶ ᠶᠢ ᠭᠦᠭᠵᠢᠬᠦᠯᠦᠨ᠎ᠠ᠃ ᠨᠡᠪᠴᠢᠭᠦᠯᠦᠬᠦᠷ᠂ ᠲᠦᠷᠬᠡᠳᠬᠡᠬᠦᠷ᠂ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠦᠷᠢᠶᠡᠯᠡᠩ ᠭᠠᠵᠠᠷ ᠵᠡᠷᠭᠡ ᠡᠯ᠎ᠡ ᠲᠥᠷᠥᠯ ᠤᠨ ᠨᠡᠪᠴᠢᠬᠦᠯᠬᠦ ᠠᠴᠢᠶᠡᠯᠡᠪᠦᠷᠢ ᠶᠢᠨ ᠡᠭᠦᠷᠬᠡ ᠴᠢᠳᠠᠮᠵᠢ ᠶᠢ ᠰᠢᠯᠢᠳᠡᠭᠵᠢᠬᠦᠯᠵᠦ᠂ ᠮᠡᠷᠭᠡᠵᠢᠯ ᠢ ᠰᠤᠳᠤᠯᠤᠨ ᠨᠡᠭᠡᠭᠡᠬᠦ᠂ | ᠠᠵᠤ ᠠᠬᠤᠶᠢᠯᠠᠯ ᠢ ᠨᠡᠪᠴᠢᠬᠦᠯᠬᠦ᠂ ᠠᠵᠤ ᠦᠢᠯᠡᠰᠵᠢᠭᠰᠡᠨ ᠨᠡᠭᠡᠭᠡᠯᠳᠡ ᠬᠢᠬᠦ ᠶᠢ ᠬᠠᠮᠤᠷᠤᠨᠨᠰᠠᠨ ᠪᠦᠬᠦ ᠬᠡᠯᠬᠢᠶᠡᠰᠦ ᠳᠤ ᠨᠡᠪᠴᠢᠭᠦᠯᠬᠦ ᠰᠢᠰᠲ᠋ᠧᠮᠵᠢ ᠶᠢ ᠪᠠᠶᠢᠭᠤᠯᠤᠨ᠎ᠠ᠃ | ᠲᠠᠷᠢᠶᠠᠯᠠᠬᠤ ᠮᠠᠯᠵᠢᠬᠤ ᠣᠷᠣᠨ ᠤ ᠰᠢᠨ᠎ᠡ ᠶᠢ ᠡᠭᠦᠳᠴᠤ ᠦᠢᠯᠡᠰ ᠴᠣᠭᠴᠠᠯᠠᠬᠤ ᠠᠴᠢᠶᠡᠯᠡᠪᠦᠷᠢ ᠶᠢᠨ ᠪᠦᠳᠦᠬᠡᠨ ᠪᠠᠶᠢᠭᠤᠯᠤᠯᠲᠠ ᠶᠢ ᠴᠢᠩᠭᠠᠳᠬᠠᠵᠤ᠂ ᠲᠦᠬᠡᠮᠡᠯ | ᠦᠢᠯᠡᠰ ᠴᠣᠭᠴᠠᠯᠠᠬᠤ ᠰᠠᠭᠤᠷᠢᠨ ᠭᠠᠵᠠᠷ ᠢ ᠭᠦᠳᠦᠯᠦᠨ ᠵᠢᠯᠤᠭᠤᠳᠴᠤ ᠭᠦᠭᠵᠢᠬᠦᠯᠦᠨ᠂ ᠥᠪᠡᠷᠲᠡᠭᠡᠨ ᠵᠠᠰᠠᠬᠤ ᠣᠷᠣᠨ ᠤ ᠤᠳᠤ ᠦᠶ᠎ᠡ ᠶᠢᠨ ᠲᠠᠷᠢᠶᠠᠯᠠᠩ ᠮᠠᠯ ᠠᠵᠤ | ᠠᠬᠤᠶ ᠶᠢᠨ ᠮᠡᠷᠭᠡᠵᠢᠯ ᠢ ᠰᠢᠯᠵᠢᠬᠦᠯᠵᠦ ᠤᠯᠠᠷᠢᠭᠤᠯᠬᠤ ᠲᠡᠪᠴᠡᠩ ᠤᠨ ᠪᠦᠳᠦᠬᠡᠨ ᠪᠠᠶᠢᠭᠤᠯᠤᠯᠳᠠ ᠶᠢ ᠲᠡᠮᠵᠢᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠴᠢᠬᠤᠯᠠ ᠭᠦᠴᠦᠨ ᠵᠦᠢᠯ ᠢ ᠭᠦᠳᠦᠯᠦᠨ ᠵᠢᠯᠤᠭᠤᠳᠴᠤ ᠪᠠᠶᠢᠭᠠᠳ ᠲᠠᠷᠢᠶᠠᠯᠠᠬᠤ ᠮᠠᠯᠵᠢᠬᠤ ᠣᠷᠣᠨ ᠲᠡᠶᠢᠰᠢ ᠲᠦᠪᠯᠡᠷᠡᠬᠦᠯᠬᠦ ᠲᠠᠯ᠎ᠠ ᠳᠠᠬᠢ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠣᠨᠴᠠ ᠲᠤᠮᠢᠯᠬᠠᠴᠢᠳ ᠤᠨ ᠴᠢᠬᠤᠯᠠ ᠦᠢᠯᠡᠳᠦᠯ ᠢ ᠪᠠᠳᠠᠷᠠᠭᠤᠯᠤᠨ᠎ᠠ᠃ | ︵ᠲᠤᠯᠤᠭ᠎ᠠ︶ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢ ᠬᠠᠮᠠᠭᠠᠯᠠᠬᠤ ᠪᠠ ᠠᠵᠢᠯᠯᠠᠵᠦ ᠡᠵᠡᠩᠨᠡᠬᠦ ᠶᠢ ᠴᠢᠩᠭᠠᠳᠬᠠᠨ᠎ᠠ | ᠰᠢᠨ᠎ᠡ ᠠᠵᠤ ᠠᠬᠤᠢ ᠰᠢᠨ᠎ᠡ ᠵᠠᠭᠪᠤᠷ ᠲᠤ ᠲᠤᠬᠢᠷᠠᠯᠴᠬᠠᠰᠠᠨ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ ᠬᠠᠮᠠᠭᠠᠯᠠᠯᠲᠠ ᠶᠢ | ᠲᠡᠭᠦᠯᠳᠡᠷᠵᠢᠬᠦᠯᠵᠦ᠂ ᠰᠢᠨ᠎ᠡ ᠶᠢ ᠡᠭᠦᠳᠴᠤ ᠦᠢᠯᠡᠰ ᠴᠣᠭᠴᠠᠯᠠᠬᠤ ᠶᠢᠨ ᠭᠦᠳᠡᠯᠬᠡᠭᠴᠢ ᠬᠦᠴᠦᠨ ᠬᠢᠬᠡᠳ ᠠᠮᠢᠵᠢᠷᠠᠯ ᠤᠨ ᠭᠦᠴᠦᠨ ᠢ ᠭᠦᠭᠵᠢᠬᠡᠨ ᠪᠠᠳᠠᠷᠠᠭᠠᠨ᠎ᠠ᠃ | ᠮᠡᠷᠭᠡᠵᠢᠯ ᠢ ᠰᠢᠯᠵᠢᠭᠦᠯᠬᠦ ᠶᠠᠪᠤᠴᠠ ᠳᠠᠬᠢ ᠬᠤᠳᠠᠯᠳᠤᠭᠠᠨ ᠤ ᠨᠢᠭᠤᠴᠠ ᠶᠢ ᠬᠠᠤᠯᠢ ᠪᠠᠷ ᠬᠠᠮᠠᠭᠠᠯᠠᠬᠤ ᠶᠢ ᠴᠢᠩᠭᠠᠳᠬᠠᠵᠦ᠂ ᠮᠡᠳᠡᠯᠭᠡ ᠶᠢᠨ ᠪᠦᠲᠦᠭᠡᠭᠳᠡᠬᠦᠨ ᠤ | ᠦᠮᠴᠢᠯᠡᠯ ᠤᠨ ᠡᠷᠬᠡ ᠶᠢ ᠬᠠᠤᠯᠢ ᠴᠠᠭᠠᠵᠠ ᠪᠠᠷ ᠬᠠᠮᠠᠭᠠᠯᠠᠬᠤ ᠶᠢᠨ ᠭᠤᠤᠯᠯᠠᠨ ᠵᠢᠯᠤᠭᠤᠳᠬᠤ ᠦᠢᠯᠡᠳᠦᠯ ᠢ ᠪᠠᠳᠠᠷᠠᠭᠤᠯᠵᠤ᠂ ᠵᠠᠰᠠᠭ ᠵᠠᠬᠢᠷᠭᠠᠨ ᠢᠶᠠᠷ ᠬᠠᠤᠯᠢ | ᠬᠡᠷᠡᠭᠵᠢᠭᠦᠯᠬᠦ ᠪᠠ ᠬᠠᠤᠯᠢ ᠴᠠᠭᠠᠵᠠ ᠪᠠᠷ ᠬᠠᠮᠠᠭᠠᠯᠠᠬᠤ ᠬᠤᠶᠠᠷ ᠠᠷᠭ᠎ᠠ ᠵᠠᠮ ᠤᠨ ᠳᠠᠪᠠᠭᠤᠯᠢᠭ ᠲᠠᠯ᠎ᠠ ᠶᠢ ᠬᠠᠷᠢᠯᠴᠠᠨ ᠨᠦᠭᠦᠪᠦᠷᠢᠯᠡᠭᠰᠡᠨ᠂ ᠣᠷᠭᠠᠨᠢᠭ ᠢᠶᠠᠷ | ᠵᠤᠯᠭᠠᠯᠳᠤᠭᠤᠯᠤᠨᠨᠰᠠᠨ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠵᠠᠭᠪᠤᠷ ᠢ ᠲᠡᠭᠦᠯᠳᠡᠷᠵᠢᠬᠦᠯᠦᠨ᠎ᠠ᠃ ᠲᠤᠰᠬᠠᠶ ᠠᠰᠢᠭ ᠤᠨ | ᠬᠢᠨᠠᠨ ᠪᠠᠶᠢᠴᠠᠭᠠᠬᠤ ᠴᠤᠪᠤᠷᠠᠯ ᠢ ᠰᠢᠯᠢᠳᠡᠭᠵᠢᠬᠦᠯᠵᠦ᠂ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ ᠴᠢᠨᠠᠷ ᠴᠢᠨᠰᠠᠭ᠎ᠠ ᠶᠢ ᠲᠡᠬᠡᠭᠰᠢᠯᠡᠬᠦᠯᠦᠨ᠎ᠠ᠃ | ︵ᠨᠠᠢᠮᠠ︶ ᠦᠨᠡᠯᠡᠵᠦ ᠤᠷᠮᠠᠰᠢᠭᠤᠯᠬᠤ ᠲᠣᠭᠲᠠᠴᠠ ᠶᠢ ᠪᠦᠷᠢᠨᠰᠢᠬᠦᠯᠦᠨ᠎ᠠ | ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠠᠵᠤ ᠠᠬᠤᠶᠢᠯᠠᠯ ᠠᠵᠢᠯ ᠦᠢᠯᠡᠰ ᠤᠨ ᠨᠢᠬᠡᠴᠢ ᠶᠢᠨ ᠬᠢᠨ ᠤ | ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠳᠠᠳ ᠢ ᠲᠦᠷᠦᠯ ᠬᠤᠪᠢᠶᠠᠨ ᠦᠨᠡᠯᠡᠬᠦ ᠳᠦᠷᠢᠮ ᠢᠶᠠᠨ ᠲᠡᠭᠦᠯᠳᠡᠷᠵᠢᠬᠦᠯᠬᠦ ᠶᠢ ᠠᠬᠢᠭᠤᠯᠵᠦ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠴᠢᠨᠠᠷ ᠴᠢᠨᠰᠠᠭ᠎ᠠ᠂ ᠬᠤᠪᠢ ᠨᠡᠮᠡᠷᠢ᠂ ᠠᠮᠵᠢᠯᠲᠠ ᠪᠦᠲᠦᠮᠵᠢ ᠪᠠᠷ ᠤᠳᠤᠷᠢᠳᠤᠮᠵᠢ ᠪᠣᠯᠭᠠᠭᠰᠠᠨ ᠲᠦᠷᠦᠯ ᠬᠤᠪᠢᠶᠠᠨ | ᠦᠨᠡᠯᠡᠬᠦ ᠰᠢᠰᠲ᠋ᠧᠮᠵᠢ ᠶᠢ ᠪᠠᠶᠢᠭᠤᠯᠤᠨ᠂ ᠭᠠᠭᠴᠠ ᠬᠦ ᠥᠭᠦᠯᠡᠯ ᠢ ᠯᠡ ᠦᠵᠡᠳᠡᠭ᠂ ᠭᠠᠭᠴᠠ ᠬᠦ ᠰᠤᠷᠤᠯᠭ᠎ᠠ ᠶᠢᠨ ᠨᠠᠮᠳᠠᠷ ᠢᠶᠠᠷ ᠯᠠ ᠪᠤᠯᠭᠠᠳᠠᠭ ᠦᠨᠡᠯᠡᠯᠲᠡ ᠬᠢᠬᠦ | ᠭᠦᠳᠦᠯᠦᠮᠵᠢ ᠶᠢ ᠬᠤᠪᠢᠷᠠᠭᠤᠯᠤᠨ᠎ᠠ᠃ ᠬᠡᠷᠡᠭᠯᠡᠬᠡᠨ ᠤ ᠰᠤᠳᠤᠯᠭᠠᠨ᠂ ᠮᠡᠷᠬᠡᠵᠢᠯ ᠢ ᠨᠡᠬᠡᠬᠡᠨ ᠭᠦᠭᠵᠢᠬᠦᠯᠬᠦ᠂ ᠦᠷ᠎ᠡ ᠪᠦᠳᠦᠬᠡᠯ ᠢ ᠤᠯᠠᠷᠢᠭᠤᠯᠬᠤ ᠠᠵᠢᠯ ᠢ ᠭᠤᠤᠯᠯᠠᠨ | ᠡᠷᠬᠢᠯᠡᠵᠦ ᠪᠠᠶᠢᠭ᠎ᠠ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠳᠠᠳ ᠲᠤ ᠦᠷ᠎ᠡ ᠪᠦᠳᠦᠬᠡᠯ ᠢ ᠤᠯᠠᠷᠢᠭᠤᠯᠬᠤ᠂ ᠮᠡᠷᠬᠡᠵᠢᠯ ᠢ ᠰᠢᠯᠵᠢᠬᠦᠯᠬᠦ᠂ ᠮᠡᠷᠬᠡᠵᠢᠯ ᠢ | ᠲᠡᠯᠬᠡᠷᠡᠬᠦᠯᠬᠦ᠂ ᠮᠡᠷᠬᠡᠵᠢᠯ ᠢᠶᠠᠷ ᠦᠢᠯᠡᠴᠢᠯᠡᠬᠦ ᠵᠡᠷᠬᠡ ᠶᠢᠨ ᠦᠨᠡᠯᠡᠯᠳᠡ ᠬᠢᠬᠦ ᠭᠦᠢᠴᠡᠳᠬᠡᠯ ᠲᠤᠭᠠᠨ ᠤ ᠴᠢᠬᠤᠯᠠᠴᠢᠯᠬᠠᠳᠠᠬᠤ ᠬᠡᠮᠵᠢᠶ᠎ᠡ ᠶᠢ ᠨᠢ ᠨᠡᠮᠡᠭᠳᠡᠬᠦᠯᠵᠦ᠂ ᠰᠢᠨᠵᠢᠯᠡᠬᠦ | ᠤᠬᠠᠭᠠᠨ ᠲᠧᠭᠨᠢᠭ ᠮᠡᠷᠬᠡᠵᠢᠯ ᠢ ᠰᠢᠯᠵᠢᠭᠦᠯᠦᠭᠰᠡᠨ ᠠᠴᠠ ᠪᠤᠯᠵᠦ ᠠᠵᠦ ᠠᠬᠤᠢ ᠨᠡᠶᠢᠬᠡᠮ ᠤᠨ ᠭᠦᠭᠵᠢᠯᠳᠡ ᠳᠤ ᠦᠵᠡᠬᠦᠯᠬᠦ ᠬᠤᠪᠢ ᠨᠡᠮᠡᠷᠢ ᠶᠢ ᠨᠢ ᠰᠢᠨᠵᠢᠯᠡᠬᠦ | ᠤᠬᠠᠭᠠᠨ ᠤ ᠰᠤᠳᠤᠯᠤᠯ ᠤᠨ ᠠᠵᠢᠯᠳᠠᠳ ᠤᠨ ᠲᠤᠰᠢᠶᠠᠯ ᠲᠡᠪᠰᠢᠬᠦ᠂ ᠮᠡᠷᠬᠡᠵᠢᠯ ᠤᠨ ᠴᠤᠯᠠ ᠶᠢ ᠨᠢ ᠬᠢᠨᠠᠨ ᠲᠤᠨᠨᠳᠠᠭᠠᠬᠤ᠂ ᠠᠮᠵᠢᠯᠳᠠ ᠪᠦᠳᠦᠮᠵᠢ ᠶᠢ ᠨᠢ ᠰᠢᠯᠭᠠᠨ | ᠬᠢᠨᠠᠬᠤ ᠵᠡᠷᠬᠡ ᠶᠢᠨ ᠴᠢᠬᠤᠯᠠ ᠦᠨᠳᠦᠰᠦᠯᠡᠯ ᠪᠤᠯᠭᠠᠵᠦ᠂ ᠦᠷᠬᠡᠨ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠠᠵᠢᠯᠳᠠᠳ ᠢ ᠭᠦᠳᠦᠯᠦᠨ ᠵᠢᠯᠤᠭᠤᠳᠴᠤ | ᠪᠠᠶᠢᠭᠠᠳ ᠠᠵᠢᠯ ᠮᠡᠷᠬᠡᠵᠢᠯ ᠢᠶᠠᠷ ᠢᠶᠠᠨ ᠡᠬᠡ ᠤᠷᠤᠨ ᠳᠤ ᠪᠠᠨ ᠭᠦᠴᠦ ᠪᠠᠨ ᠡᠷᠬᠦᠬᠦ ᠪᠤᠯᠭᠠᠨ᠎ᠠ᠃ | ᠲᠡᠬᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠭᠦᠷᠢᠶᠡᠯᠡᠩ ᠭᠠᠵᠠᠷ᠂ ᠤᠯᠤᠰ ᠤᠨ ᠦᠮᠴᠢᠯᠡᠯᠳᠦ ᠠᠵᠦ ᠠᠬᠤᠶᠢᠯᠠᠯ ᠠᠵᠢᠯ ᠦᠢᠯᠡᠰ ᠤᠨ | ᠨᠢᠬᠡᠴᠢ ᠶᠢᠨ ᠤᠳᠤᠷᠢᠳᠤᠯᠭ᠎ᠠ ᠨᠠᠷ ᠤᠨ ᠦᠷ᠎ᠡ ᠪᠦᠳᠦᠬᠡᠯ ᠤᠨ ᠦᠨ᠎ᠠ ᠲᠤᠨᠨᠳᠠᠭᠠᠬᠤ ᠲᠠᠯ᠎ᠠ ᠳᠤ ᠰᠶᠢᠳᠪᠦᠷᠢᠳᠦ ᠪᠤᠳᠤᠯᠭ᠎ᠠ ᠲᠤᠨᠨᠳᠠᠭᠠᠬᠤ ᠡᠭᠦᠷᠬᠡ ᠬᠠᠷᠢᠭᠤᠴᠠᠯᠭ᠎ᠠ ᠪᠠᠨ | ᠭᠦᠢᠴᠡᠳᠬᠡᠬᠦ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠬᠠᠮᠢᠶᠠᠷᠤᠯᠳᠠ ᠶᠢᠨ ᠠᠵᠢᠯᠳᠠᠳ ᠤᠨ ᠲᠦᠷᠦᠯ ᠵᠦᠢᠯ ᠲᠤᠨᠨᠳᠠᠭᠠᠬᠤ ᠬᠢᠬᠡᠳ ᠬᠠᠮᠢᠶᠠᠷᠤᠯᠳᠠ ᠶᠢᠨ | ᠡᠭᠦᠷᠬᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠵᠤᠷᠢᠨᠨᠵᠢᠭᠤᠯᠵᠦ᠂ ᠤᠷᠮᠠᠰᠢᠭᠤᠯᠬᠤ ᠲᠤᠨᠨᠳᠠᠴᠠ ᠪᠠ ᠠᠯᠳᠠᠰᠢ ᠶᠢ ᠠᠭᠤᠴᠢᠯᠠᠵᠦ ᠵᠠᠯᠠᠷᠠᠭᠤᠯᠬᠤ ᠲᠤᠨᠨᠳᠠᠴᠠ ᠶᠢ | ᠪᠦᠷᠢᠨᠰᠢᠬᠦᠯᠦᠨ᠂ ᠴᠢᠷᠮᠠᠶᠢᠨ ᠠᠵᠢᠯᠯᠠᠵᠦ ᠬᠠᠷᠢᠭᠤᠴᠠᠯᠭ᠎ᠠ ᠪᠠᠨ ᠭᠦᠢᠴᠡᠳᠬᠡᠬᠦ ᠲᠦᠷᠦ ᠶᠢᠨ ᠪᠤᠳᠤᠯᠭ᠎ᠠ ᠶᠢ ᠲᠡᠭᠦᠯᠳᠡᠷᠵᠢᠬᠦᠯᠵᠦ᠂ ᠵᠤᠷᠢᠨᠨᠳᠠᠢ ᠪᠠᠷ ᠤᠯᠠᠷᠢᠭᠤᠯᠬᠤ᠂ | ᠰᠠᠶᠢᠨ ᠲᠤᠷ᠎ᠠ ᠠᠴᠠ ᠪᠠᠨ ᠤᠯᠠᠷᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠨ᠎ᠠ᠃ ᠮᠡᠷᠬᠡᠵᠢᠯ ᠢ ᠰᠢᠯᠵᠢᠬᠦᠯᠬᠦ ᠲᠠᠯ᠎ᠠ ᠪᠠᠷ ᠬᠢ ᠢᠳᠡᠬᠡᠮᠵᠢ ᠶᠢᠨ | ᠲᠡᠮᠳᠡᠭᠯᠡᠯ ᠢ ᠦᠪᠡᠷᠳᠡᠬᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠤ ᠰᠤᠳᠤᠯᠤᠯ ᠤᠨ ᠦᠨᠡᠨᠴᠢ ᠢᠳᠡᠬᠡᠮᠵᠢ ᠶᠢᠨ ᠰᠢᠰᠲ᠋ᠧᠮᠵᠢ ᠳᠤ ᠤᠷᠤᠭᠤᠯᠵᠦ᠂ ᠡᠷᠬᠡ ᠠᠰᠢᠭ ᠨᠢ | ᠲᠦᠪ ᠭᠤᠤᠯᠴᠢ᠂ ᠠᠵᠠ ᠲᠤᠬᠢᠶᠠᠯ ᠨᠢ ᠲᠦᠪ ᠭᠤᠤᠯᠴᠢ᠂ ᠲᠦᠷᠢᠮ ᠭᠤᠷᠢᠮ ᠨᠢ ᠲᠦᠪ ᠭᠤᠤᠯᠴᠢ ᠪᠠᠶᠢᠬᠤ ᠵᠠᠬ᠎ᠠ ᠲᠡᠯᠬᠡᠭᠦᠷ ᠤᠨ ᠤᠷᠴᠢᠨ ᠨᠦᠭᠦᠴᠡᠯ ᠢ | ᠪᠦᠷᠢᠯᠳᠦᠬᠦᠯᠦᠨ᠎ᠠ᠃ | ︵ᠶᠢᠰᠦ︶ ᠲᠦᠷᠦ ᠶᠢᠨ ᠪᠤᠳᠤᠯᠭ᠎ᠠ ᠪᠠ ᠳᠦᠷᠢᠮ ᠤᠨ ᠲᠦᠭᠦᠷᠵᠢᠬᠦᠯᠦᠨ ᠵᠣᠯᠭᠠᠯᠳᠤᠭᠤᠯᠬᠤ ᠶᠢ ᠲᠡᠭᠦᠯᠳᠡᠷᠵᠢᠬᠦᠯᠦᠨ᠎ᠠ | ᠮᠡᠷᠭᠡᠵᠢᠯ ᠤᠨ ᠰᠤᠯᠢᠯᠴᠠᠭᠠᠨ ᠤ ᠭᠠᠶᠢᠯᠢ ᠲᠠᠲᠠᠪᠤᠷᠢ ᠳᠤ ᠬᠠᠷᠠᠭᠠᠯᠵᠠᠯ ᠦᠵᠡᠬᠦᠯᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠮᠡᠷᠭᠡᠵᠢᠯ ᠤᠨ | ᠰᠤᠯᠢᠯᠴᠠᠭᠠᠨ ᠤ ᠭᠠᠶᠢᠯᠢ ᠶᠢ ᠭᠦᠩᠬᠡᠯᠡᠵᠦ ᠬᠡᠯᠲᠦᠷᠢᠭᠦᠯᠬᠦ ᠳᠤ ᠰᠦᠯᠵᠢᠶ᠎ᠡ ᠬᠤᠯᠪᠤᠵᠦ ᠭᠤᠶᠤᠴᠢᠯᠠᠨ ᠮᠡᠳᠡᠬᠦᠯᠬᠦ ᠲᠤᠨᠨᠳᠠᠴᠠ ᠶᠢ ᠰᠦᠪᠡᠭᠴᠢᠯᠡᠨ ᠪᠠᠶᠢᠭᠤᠯᠵᠦ᠂ | ᠮᠡᠷᠭᠡᠵᠢᠯ ᠤᠨ ᠰᠤᠯᠢᠯᠴᠠᠭᠠᠨ ᠤ ᠭᠠᠶᠢᠯᠢ ᠶᠢ ᠭᠦᠩᠬᠡᠯᠡᠵᠦ ᠬᠡᠯᠲᠦᠷᠢᠭᠦᠯᠬᠦ ᠴᠤᠪᠤᠷᠠᠯ ᠢ ᠰᠢᠯᠢᠳᠡᠭᠵᠢᠬᠦᠯᠦᠨ᠎ᠠ᠃ ᠲᠦᠷᠦ ᠶᠢᠨ ᠪᠤᠳᠤᠯᠭ᠎ᠠ ᠶᠢᠨ ᠲᠤᠨᠨᠳᠠᠭᠠᠯ ᠶᠤᠰᠤᠭᠠᠷ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠳ ᠨᠢ ᠲᠤᠰᠢᠶᠠᠯ ᠤᠨ ᠪᠠᠶᠢᠷᠢ ᠳᠤ ᠪᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ | ᠤᠯᠠᠷᠢᠭᠤᠯᠤᠨᠨᠰᠠᠨ ᠪᠡᠯᠡᠨ ᠮᠥᠩᠭᠦᠨ ᠤ ᠱᠠᠩᠨᠠᠯ ᠭᠥᠷᠳᠡᠪᠡᠯ᠂ 50% ᠪᠠᠷ ᠭᠦᠩᠬᠡᠯᠡᠵᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠳ ᠤᠨ ᠲᠣᠰ | ᠰᠠᠷ᠎ᠠ ᠶᠢᠨ ︽ᠴᠠᠯᠢᠩ ᠮᠦᠩᠬᠦᠨ ᠤ ᠤᠯᠵᠠᠪᠤᠷᠢ︾ ᠳᠤ ᠪᠤᠳᠤᠵᠦ ᠤᠷᠤᠭᠤᠯᠤᠨ᠂ ᠬᠠᠤᠯᠢ ᠶᠣᠰᠣᠭᠠᠷ ᠬᠤᠪᠢ ᠬᠥᠮᠦᠨ ᠤ ᠤᠯᠵᠠᠪᠤᠷᠢ ᠶᠢᠨ ᠭᠠᠶᠢᠯᠢ ᠲᠤᠰᠢᠶᠠᠬᠤ | ᠬᠡᠷᠡᠭᠲᠡᠶ᠃ | ᠤᠯᠤᠰ ᠤᠨ ᠦᠮᠴᠢᠯᠡᠯᠳᠦ ᠮᠡᠷᠭᠡᠵᠢᠯ ᠤᠨ ᠲᠦᠷᠦᠯ ᠤᠨ ᠪᠤᠳᠠᠰᠯᠢᠭ ᠪᠤᠰᠤ ᠭᠦᠷᠦᠩᠬᠡ ᠶᠢᠨ ᠬᠠᠮᠢᠶᠠᠷᠤᠯᠳᠠ ᠶᠢᠨ ᠲᠦᠷᠢᠮ ᠢ ᠪᠦᠷᠢᠨᠰᠢᠬᠦᠯᠵᠦ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠣᠨᠴᠠᠯᠢᠭ ᠢ ᠨᠢ ᠦᠨᠳᠦᠰᠦᠯᠡᠨ᠂ ᠬᠠᠮᠢᠶ᠎ᠠ ᠪᠦᠬᠦᠢ ᠡᠳ᠋ ᠬᠥᠷᠥᠩᠭᠡ ᠶᠢ ᠦᠨᠡᠯᠡᠨ ᠵᠢᠱᠢᠬᠦ | ᠬᠠᠮᠢᠶᠠᠷᠤᠯᠲᠠ ᠶᠢᠨ ᠴᠤᠪᠤᠷᠠᠯ ᠢ ᠰᠢᠯᠢᠳᠡᠭᠵᠢᠭᠦᠯᠵᠦ᠂ ᠢᠯᠡ ᠨᠡᠶᠢᠲᠡᠯᠡᠬᠦ ᠵᠡᠷᠭᠡ ᠠᠷᠭ᠎ᠠ ᠬᠡᠯᠪᠡᠷᠢ ᠪᠠᠷ ᠲᠠᠮᠵᠢᠭᠤᠯᠵᠦ ᠪᠦᠷᠢᠳᠬᠡᠨ ᠳᠠᠩᠰᠠᠯᠠᠭᠤᠯᠬᠤ ᠲᠡᠰ ᠲᠠᠷᠠᠭᠠᠯᠠᠯ ᠢ | ᠲᠦᠭᠦᠮᠴᠢᠯᠡᠬᠦ ᠪᠠᠷ ᠰᠦᠪᠡᠭᠴᠢᠯᠡᠨ᠎ᠠ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠨ ᠰᠢᠨᠵᠢᠯᠡᠬᠦ ᠤᠬᠠᠭᠠᠨ ᠤ | ᠰᠤᠳᠤᠯᠤᠯ ᠤᠨ ᠠᠵᠢᠯᠳᠠᠳ ᠤᠨ ᠬᠠᠤᠯᠢ ᠶᠣᠰᠣᠭᠠᠷ ᠣᠯᠤᠭᠰᠠᠨ ᠦᠷ᠎ᠡ ᠪᠦᠲᠦᠭᠡᠯ ᠢᠶᠠᠨ ᠤᠯᠠᠷᠢᠭᠤᠯᠤᠭᠠᠳ ᠱᠠᠩᠨᠠᠭᠤᠯᠵᠦ ᠭᠦᠬᠢᠭᠦᠯᠦᠭᠳᠡᠭᠰᠡᠨ ᠣᠷᠣᠯᠭ᠎ᠠ ᠶᠢ ᠨᠢ | ᠠᠮᠵᠢᠯᠲᠠ ᠪᠦᠲᠦᠮᠵᠢ ᠶᠢᠨ ᠴᠠᠯᠢᠩ ᠳᠤ ᠤᠷᠤᠭᠤᠯᠬᠤ ᠦᠭᠡᠢ᠃ | ᠭᠤᠣᠯᠳᠠᠯᠭ᠎ᠠ ᠲᠠᠢ ᠭᠦᠷᠢᠶ᠎ᠡ ᠴᠠᠷᠠᠭᠠᠨ ᠳᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠨᠡᠶᠢᠲᠡᠯᠡᠬᠦ ᠲᠣᠭᠲᠠᠴᠠ ᠶᠢ ᠪᠠᠶᠢᠭᠤᠯᠵᠤ᠂ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠬᠤᠯᠠ ᠶᠡᠭᠡ ᠲᠦᠷᠦᠯ ᠵᠦᠢᠯ ᠳᠤ ᠦᠷ᠎ᠡ ᠪᠦᠲᠦᠭᠡᠯ ᠢ ᠤᠯᠠᠷᠢᠭᠤᠯᠬᠤ ᠡᠭᠦᠷᠭᠡ ᠶᠢ | ᠲᠤᠳᠤᠷᠬᠠᠶᠢᠯᠠᠨ᠂ ᠤᠯᠠᠷᠢᠭᠤᠯᠬᠤ ᠲᠠᠢ ᠰᠢᠭᠤᠳ ᠬᠤᠯᠪᠣᠭᠳᠠᠬᠤ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢ ᠲᠤᠨᠨᠳᠠᠭᠠᠨ᠎ᠠ᠃ | ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠮᠥᠩᠭᠦᠨ ᠭᠦᠢᠯᠭᠡᠭᠡᠨ ᠤ ᠣᠯᠠᠨ ᠡᠰᠢᠵᠢᠭᠰᠡᠨ ᠦᠢᠯᠡᠴᠢᠯᠡᠭᠡᠨ ᠢ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ | ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠵᠦ ᠬᠥᠲᠥᠯᠥᠨ ᠵᠢᠯᠣᠭᠤᠳᠬᠤ ᠲᠦᠷᠦᠯ ᠤᠨ ᠰᠠᠭᠤᠷᠢ ᠮᠥᠩᠭᠦ ᠶᠢ ᠪᠤᠯ | ᠦᠢᠯᠡᠰ ᠴᠣᠭᠴᠠᠯᠠᠬᠤ ᠪᠠᠷ ᠪᠠᠯᠠ ᠤᠷᠤᠭᠤᠯᠤᠨᠨᠰᠠᠨ ᠳᠠᠭᠠᠯᠲᠠ ᠰᠠᠭᠤᠷᠢ ᠮᠥᠩᠭᠦ ᠪᠠᠶᠢᠭᠤᠯᠬᠤ᠂ ᠵᠢᠭᠡᠯᠡᠯᠭᠡ ᠶᠢᠨ ᠲᠦᠭᠰᠢᠭᠦᠷᠢ ᠶᠢᠨ ᠲᠠᠯ᠎ᠠ ᠳᠤ ᠨᠦᠭᠦᠪᠦᠷᠢᠯᠡᠬᠦ ᠵᠡᠷᠭᠡ | ᠠᠷᠭ᠎ᠠ ᠮᠠᠶ᠋ᠢᠭ ᠢᠶᠠᠷ ᠲᠠᠮᠵᠢᠭᠤᠯᠤᠨ᠂ ᠨᠡᠶᠢᠭᠡᠮ ᠤᠨ ᠬᠥᠷᠥᠩᠭᠡ ᠮᠥᠩᠭᠦ ᠶᠢ ᠬᠥᠲᠥᠯᠦᠨ ᠵᠢᠯᠣᠭᠤᠳᠴᠤ ᠪᠠᠶᠢᠭᠠᠳ ᠮᠡᠷᠭᠡᠵᠢᠯ ᠢ ᠰᠢᠯᠵᠢᠭᠦᠯᠬᠦ ᠡᠬᠢᠨ ᠤ ᠦᠶ᠎ᠡ ᠶᠢᠨ | ᠲᠦᠷᠦᠯ ᠵᠦᠢᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠪᠦᠭᠦᠢ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠪᠠᠯᠠ ᠣᠷᠣᠭᠤᠯᠵᠤ | ᠳᠣᠭᠢᠷᠠᠭᠤᠯᠬᠤ ᠲᠠᠯ᠎ᠠ ᠪᠠᠷ ᠲᠡᠮᠵᠢᠬᠦ ᠶᠢ ᠨᠡᠮᠡᠭᠳᠡᠬᠦᠯᠦᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢ ᠲᠡᠮᠳᠡᠭᠳᠦᠵᠢᠬᠦᠯᠬᠦ ᠶᠢᠨ ᠪᠡᠯᠡ ᠲᠤᠬᠢᠷᠠᠭᠤᠯᠬᠤ | ᠲᠤᠷᠰᠢᠯᠳᠠ ᠶᠢᠨ ᠴᠡᠭ ᠢ ᠦᠷᠨᠢᠬᠦᠯᠵᠦ᠂ ᠬᠤᠳᠠᠯᠳᠤᠭᠠᠨ ᠤ ᠪᠠᠩᠬᠢ ᠶᠢ ᠵᠤᠷᠢᠨᠨᠵᠢᠭᠤᠯᠵᠦ ᠪᠠᠶᠢᠭᠠᠳ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠯ ᠤᠨ ᠡᠷᠬᠡ ᠶᠢᠨ | ᠳᠠᠨᠵᠢᠯᠠᠬᠤ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠦᠷᠨᠢᠬᠦᠯᠦᠨ᠎ᠠ᠃ | ᠭᠤᠷᠪᠠ᠂ ᠵᠣᠬᠢᠶᠠᠨ ᠪᠠᠶᠢᠭᠤᠯᠵᠦ ᠬᠡᠷᠡᠭᠵᠢᠭᠦᠯᠬᠦ ᠶᠢ ᠴᠢᠩᠭᠠᠷᠠᠭᠤᠯᠤᠨ᠎ᠠ | ︵ᠨᠢᠭᠡ︶ ᠵᠣᠬᠢᠶᠠᠨ ᠪᠠᠶᠢᠭᠤᠯᠵᠦ ᠤᠳᠤᠷᠢᠳᠬᠤ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ ᠨᠢ ᠮᠡᠷᠭᠡᠵᠢᠯ ᠢ ᠰᠢᠯᠵᠢᠭᠦᠯᠬᠦ ᠰᠢᠰᠲ᠋ᠧᠮᠵᠢ ᠪᠠᠶᠢᠭᠤᠯᠬᠤ ᠠᠵᠢᠯ ᠢ | ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠤ ᠪᠠᠨ ᠣᠷᠣᠭᠤᠯᠵᠤ᠂ ᠵᠣᠬᠢᠴᠠᠭᠤᠯᠤᠨ ᠠᠬᠢᠭᠤᠯᠬᠤ ᠲᠣᠭᠲᠠᠴᠠ ᠶᠢ ᠪᠠᠶᠢᠭᠤᠯᠤᠨ᠂ ᠪᠣᠳᠠᠲᠤ ᠲᠠᠢ ᠪᠠᠨ | ᠤᠶᠠᠯᠳᠤᠭᠤᠯᠤᠨ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠰᠠᠶᠢᠳᠤᠷ ᠠᠳᠬᠤᠬᠤ ᠬᠡᠷᠡᠭᠳᠡᠢ᠃ ᠬᠥᠬᠡᠬᠤᠲᠠ᠂ ᠪᠤᠭᠤᠲᠤ ᠬᠤᠳᠠ᠂ ᠣᠷᠳᠣᠰ ᠬᠤᠲᠠ ᠨᠢ ᠤᠯᠤᠰ ᠤᠨ | ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠲᠤᠭᠤᠷᠢᠭ ᠢ ᠴᠤᠨᠨᠴᠠᠯᠠᠨ ᠪᠠᠶᠢᠭᠤᠯᠬᠤ ᠶᠢᠨ ᠲᠤᠭᠤᠷᠢᠨ ᠳᠤ᠂ ᠮᠡᠷᠭᠡᠵᠢᠯ ᠢ ᠰᠢᠯᠵᠢᠭᠦᠯᠬᠦ ᠨᠢᠬᠡᠳᠦᠯᠳᠡᠢ | ᠰᠢᠰᠲ᠋ᠧᠮᠵᠢ ᠶᠢ ᠪᠠᠶᠢᠭᠤᠯᠬᠤ ᠠᠵᠢᠯ ᠢᠶᠠᠨ ᠲᠦᠷᠭᠡᠳᠬᠡᠵᠦ᠂ ᠪᠠᠶᠢᠭᠤᠯᠤᠯ ᠲᠣᠭᠲᠠᠴᠠ ᠳᠤ ᠰᠢᠨ᠎ᠡ ᠶᠢ ᠡᠭᠦᠳᠬᠦ ᠬᠢᠬᠡᠳ ᠲᠦᠷᠦ ᠶᠢᠨ ᠪᠤᠳᠤᠯᠭ᠎ᠠ ᠶᠢ ᠤᠷᠢᠳ ᠢᠶᠠᠷ | ᠬᠡᠷᠡᠭᠵᠢᠭᠦᠯᠵᠦ ᠲᠤᠷᠰᠢᠬᠤ ᠶᠢ ᠦᠷᠨᠢᠬᠦᠯᠦᠨ᠂ ᠨᠢᠭᠡ ᠪᠦᠯᠦᠭ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠲᠤᠷᠰᠢᠯᠭ᠎ᠠ ᠬᠢᠬᠡᠳ ᠵᠠᠭᠪᠤᠷ ᠢ ᠰᠦᠪᠡᠭᠴᠢᠯᠡᠨ᠎ᠡ᠃ | ᠥᠪᠡᠷᠲᠡᠭᠡᠨ ᠵᠠᠰᠠᠬᠤ ᠣᠷᠣᠨ ᠤ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠤᠯᠤᠰ ᠤᠨ ᠦᠮᠴᠢᠯᠡᠯᠳᠦ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠢ ᠨᠢ ᠲᠣᠭᠲᠠᠭᠠᠯ ᠶᠣᠰᠣᠭᠠᠷ ᠵᠢᠱᠢᠶ᠎ᠡ ᠦᠵᠡᠭᠦᠯᠬᠦ ᠲᠤᠭᠤᠷᠢᠭ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠬᠦ ᠶᠢ ᠨᠢ ᠵᠦᠪᠰᠢᠶᠡᠷᠡᠨ᠎ᠠ᠃ ᠥᠪᠡᠷᠲᠡᠭᠡᠨ ᠵᠠᠰᠠᠬᠤ ᠣᠷᠣᠨ ᠤ ᠡᠯ᠎ᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ | ᠂ ᠤᠯᠤᠰ ᠤᠨ ᠦᠮᠴᠢᠯᠡᠯᠳᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠨᠢ ᠲᠣᠰ ᠲᠥᠰᠦᠯ ᠢ ᠦᠨᠳᠦᠰᠦᠯᠡᠨ ᠮᠡᠷᠬᠡᠵᠢᠯ ᠢ ᠰᠢᠯᠵᠢᠬᠦᠯᠬᠦ ᠶᠢ ᠠᠬᠢᠭᠤᠯᠬᠤ ᠪᠣᠳᠠᠲᠠᠶ | ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠤᠨᠨᠳᠠᠭᠠᠬᠤ ᠬᠡᠷᠡᠭᠲᠡᠶ᠃ | ︵ᠬᠤᠶᠠᠷ︶ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠᠨ ᠰᠠᠶᠢᠲᠤᠷ ᠠᠳᠬᠤᠨ᠎ᠠ᠃ ᠮᠡᠷᠭᠡᠵᠢᠯ ᠢ ᠰᠢᠯᠵᠢᠭᠦᠯᠬᠦ ᠶᠢ ᠠᠬᠢᠭᠤᠯᠬᠤ ᠬᠠᠮᠢᠶ᠎ᠠ ᠪᠦᠬᠦᠢ | ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠦᠭᠦᠷ ᠲᠦᠷᠦ ᠶᠢᠨ ᠪᠤᠳᠤᠯᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠲᠡᠮᠳᠡᠭᠳᠦ ᠴᠢᠨᠠᠷ ᠪᠠ | ᠬᠤᠯᠪᠣᠯᠳᠤᠬᠤ ᠴᠢᠨᠠᠷ ᠤᠨ ᠦᠢᠯᠡᠳᠦᠯ ᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠪᠠᠨ ᠭᠤᠤᠯᠳᠠᠯᠭ᠎ᠠ ᠲᠠᠢ ᠰᠠᠶᠢᠳᠤᠷ ᠠᠳᠬᠤᠬᠤ ᠬᠡᠷᠡᠭᠲᠡᠶ | ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠠᠷᠢᠭᠤᠴᠠᠯᠭ᠎ᠠ ᠶᠢᠨ ᠲᠦᠷᠢᠮ ᠢ | ᠪᠠᠶᠢᠭᠤᠯᠵᠦ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨᠨᠰᠠᠨ ᠡᠰᠡᠬᠦ ᠶᠢ ᠮᠦᠷᠳᠡᠵᠦ ᠬᠢᠨᠠᠨ ᠰᠢᠨᠵᠢᠬᠦ ᠪᠠ ᠦᠷ᠎ᠡ ᠪᠦᠳᠦᠮᠵᠢ ᠶᠢ ᠨᠢ ᠦᠨᠡᠯᠡᠬᠦ ᠪᠠᠨ ᠦᠨᠡᠨ ᠬᠦ | ᠴᠢᠩᠭᠠᠳᠬᠠᠨ᠂ ᠨᠢᠭᠡᠨᠲᠡ ᠨᠡᠶᠢᠳᠡᠯᠡᠭᠳᠡᠭᠰᠡᠨ ᠴᠢᠬᠤᠯᠠ ᠶᠡᠭᠡ ᠥᠭᠡᠷᠡᠴᠢᠯᠡᠯᠲᠡ ᠪᠠ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ | ᠪᠠᠶᠢᠳᠠᠯ ᠢ ᠴᠠᠭ ᠲᠤᠬᠠᠢ ᠳᠤ ᠨᠢ ᠮᠦᠷᠳᠡᠬᠦ᠂ ᠴᠠᠭ ᠲᠤᠬᠠᠶ ᠳᠤ ᠨᠢ ᠪᠠᠶᠢᠴᠠᠭᠠᠬᠤ᠂ ᠴᠠᠭ ᠲᠤᠬᠠᠶ ᠳᠤ ᠨᠢ ᠦᠨᠡᠯᠡᠨ ᠵᠢᠱᠢᠵᠦ᠂ ᠨᠡᠶᠢᠲᠡᠯᠢᠭ ᠲᠤᠷᠰᠢᠯᠭ᠎ᠠ ᠪᠠ ᠠᠷᠭ᠎ᠠ | ᠬᠢᠳᠡᠯ ᠢ ᠢᠳᠡᠪᠬᠢᠳᠡᠢ ᠪᠠᠷ ᠳ᠋ᠦ᠋ᠶᠢᠩᠨᠡᠨ ᠳᠡᠯᠭᠡᠷᠡᠭᠦᠯᠬᠦ ᠬᠡᠷᠡᠭᠲᠡᠶ᠃ | ︵ᠭᠤᠷᠪᠠ︶ ᠪᠡᠯᠡ ᠣᠷᠣᠭᠤᠯᠤᠯᠲᠠ ᠶᠢ ᠨᠡᠮᠡᠭᠳᠡᠬᠦᠯᠦᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ ᠮᠡᠷᠭᠡᠵᠢᠯ ᠢ | ᠰᠢᠯᠵᠢᠭᠦᠯᠬᠦ ᠪᠠ ᠦᠷ᠎ᠡ ᠪᠦᠲᠦᠭᠡᠯ ᠢ ᠤᠯᠠᠷᠢᠭᠤᠯᠬᠤ ᠳᠤ ᠦᠵᠡᠬᠦᠯᠬᠦ ᠡᠳ᠋ ᠤᠨ ᠵᠠᠰᠠᠭ ᠤᠨ ᠪᠡᠯᠡ ᠮᠦᠩᠬᠦᠨ ᠤ ᠭᠦᠳᠦᠯᠦᠨ ᠵᠢᠯᠤᠭᠤᠳᠬᠤ ᠦᠢᠯᠡᠳᠦᠯ ᠢ ᠭᠦᠢᠴᠡᠳ | ᠪᠠᠳᠠᠷᠠᠭᠤᠯᠵᠦ᠂ ᠨᠥᠬᠦᠴᠡᠯ ᠲᠠᠢ ᠭᠠᠵᠠᠷ ᠣᠷᠣᠨ ᠨᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠮᠡᠷᠭᠡᠵᠢᠯ ᠢ ᠰᠢᠯᠵᠢᠭᠦᠯᠬᠦ | ᠰᠢᠰᠲ᠋ᠧᠮᠵᠢ ᠶᠢ ᠪᠦᠳᠦᠬᠡᠨ ᠪᠠᠶᠢᠭᠤᠯᠬᠤ ᠲᠤᠰᠬᠠᠶ ᠵᠦᠢᠯ ᠤᠨ ᠪᠡᠯᠡ ᠮᠥᠩᠭᠦ ᠶᠢ ᠲᠤᠬᠢᠷᠠᠭᠤᠯᠤᠨ᠂ ᠮᠡᠷᠭᠡᠵᠢᠯ ᠢ ᠰᠢᠯᠵᠢᠭᠦᠯᠬᠦ ᠪᠠᠶᠢᠭᠤᠯᠤᠮᠵᠢ ᠶᠢ ᠪᠤᠶᠢᠵᠢᠭᠤᠯᠬᠤ᠂ | ᠮᠡᠳᠡᠭᠡ ᠵᠠᠩᠭᠢ ᠶᠢ ᠬᠠᠮᠳᠤ ᠳᠤ ᠪᠠᠨ ᠭᠥᠷᠳᠡᠬᠦ ᠦᠢᠯᠡᠴᠢᠯᠡᠬᠡᠨ ᠤ ᠲᠠᠪᠴᠠᠩ ᠢ ᠪᠥᠲᠥᠭᠡᠨ ᠪᠠᠶᠢᠭᠤᠯᠬᠤ ᠵᠡᠷᠭᠡ ᠭᠤᠣᠯᠳᠠᠯᠭ᠎ᠠ ᠲᠠᠢ ᠡᠭᠦᠷᠭᠡ ᠶᠢ ᠳᠡᠮᠵᠢᠬᠦ ᠡᠷᠴᠢᠮ ᠢᠶᠠᠨ | ᠴᠢᠩᠭᠠᠷᠠᠭᠤᠯᠵᠦ᠂ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠢᠬᠡᠳ ᠮᠥᠩᠭᠦᠨ | ᠭᠦᠢᠯᠭᠡᠭᠡᠨ ᠤ ᠤᠶᠠᠯᠳᠤᠯ ᠢ ᠠᠬᠢᠭᠤᠯᠤᠨ᠂ ᠡᠳ᠋ ᠤᠨ ᠵᠠᠰᠠᠭ ᠤᠨ ᠪᠡᠯᠡ ᠮᠥᠩᠭᠦ ᠬᠢᠭᠡᠳ ᠨᠡᠶᠢᠭᠡᠮ ᠤᠨ ᠬᠥᠷᠥᠩᠭᠡ ᠶᠢ ᠬᠠᠷᠢᠯᠴᠠᠨ ᠤᠶᠠᠯᠳᠤᠭᠤᠯᠤᠭᠰᠠᠨ ᠤᠯᠠᠨ | ᠡᠰᠢᠵᠢᠭᠰᠡᠨ ᠣᠷᠣᠭᠤᠯᠤᠯᠲᠠ ᠶᠢᠨ ᠪᠠᠶᠢᠷᠢᠰᠢᠯ ᠢ ᠪᠤᠢ ᠪᠤᠯᠭᠠᠬᠤ ᠬᠡᠷᠡᠭᠳᠡᠢ᠃ |