内蒙古自治区人民政府 365赢多少钱会被限额_国内有真正的365平台吗_365bet博彩官网

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠮᠠᠨ ᠤ ᠣᠷᠣᠨ ᠤ ᠡᠨᠡ ᠵᠢᠯ ᠤᠨ ᠲᠦᠷᠦᠭᠦᠦ ᠤᠯᠠᠷᠢᠯ ᠤᠨ ᠠᠵᠤ ᠠᠬᠤᠢ ᠶᠢᠨ ᠡᠷᠭᠢᠯᠲᠡ ᠶᠢᠨ ᠪᠠᠶᠢᠳᠠᠯ ᠤᠨ ᠲᠣᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ
        ᠨᠡᠶᠢᠲᠡᠯᠡᠭᠰᠡᠨ ᠴᠠᠭ᠄
        2019/4/22

        365赢多少钱会被限额_国内有真正的365平台吗_365bet博彩官网

             4 ᠳ᠋ᠦ᠋ᠭᠡᠷ ᠰᠠᠷ᠎ᠠ ᠶᠢᠨ 19 ᠤ ᠡᠳᠦᠷ ᠤᠨ ᠦᠳᠡ ᠶᠢᠨ ᠬᠤᠶᠢᠨ᠎ᠠ ᠶᠠᠪᠤᠬᠳᠠᠬᠰᠠᠨ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠰᠤᠨᠢᠨ ᠮᠡᠳᠡᠬᠡᠨ  ᠤ ᠠᠯᠪᠠᠨ ᠬᠡᠷ ᠤᠨ ᠰᠤᠨᠢᠨ ᠮᠡᠳᠡᠭᠡ ᠨᠡᠶᠢᠳᠡᠯᠡᠬᠦ ᠬᠤᠷᠠᠯ ᠠᠴᠠ ᠤᠢᠢᠯᠠᠭᠠᠬᠰᠠᠨ ᠢᠶᠠᠷ᠂ ᠡᠨᠡ ᠵᠢᠯ ᠠᠴᠠ ᠨᠠᠭᠠᠰᠢ᠂ ᠮᠠᠨ ᠤ ᠤᠷᠤᠨ ᠤ ᠠᠵᠦ ᠠᠬᠤᠢ ᠶᠢᠨ ᠡᠷᠬᠢᠯᠳᠡ ᠶᠢᠨ ᠪᠠᠶᠢᠳᠠᠯ ᠲᠤᠭᠳᠠᠭᠤᠨ ᠢᠶᠠᠷ ᠰᠠᠶᠢᠵᠢᠷᠠᠵᠦ᠂ ᠴᠢᠨᠠᠷ ᠰᠠᠶᠢᠳᠠᠢ ᠬᠦᠭᠵᠢᠯᠳᠡ ᠢᠳᠡᠪᠬᠢᠳᠡᠢ ᠠᠬᠢᠵᠠᠢ᠃ ᠠᠩᠬ᠎ᠠ ᠠᠯᠬᠤᠮ ᠬᠠᠷᠭᠤᠭᠤᠯᠤᠨ ᠪᠤᠳᠤᠬᠰᠠᠨ ᠢᠶᠠᠷ ᠂ ᠡᠨᠡ ᠵᠢᠯ ᠤᠨ ᠲᠦᠷᠦᠬᠦᠦ ᠤᠯᠠᠷᠢᠯ ᠳᠤ᠂ ᠪᠦᠬᠦ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 3578.5 ᠳ᠋ᠦᠩᠰᠢᠭᠤᠷ ᠲᠦᠬᠦᠷᠢᠭ ᠲᠤ ᠬᠦᠷᠴᠤ᠂ ᠬᠠᠷᠢᠴᠠᠭᠤᠯᠵᠦ ᠪᠤᠯᠬᠤ ᠦᠨ᠎ᠠ ᠪᠠᠷ ᠪᠤᠳᠤᠪᠠᠯ᠂ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 5.5% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 0.9 ᠵᠠᠭᠤᠨ ᠤ ᠴᠡᠭ ᠲᠦᠷᠬᠡᠳᠴᠤ᠂ ᠨᠢᠳᠤᠨᠤᠨ ᠤ ᠪᠦᠬᠦ ᠵᠢᠯ ᠤᠨ ᠬᠢ ᠠᠴᠠ 0.2 ᠵᠠᠭᠤᠨ ᠤ ᠴᠡᠭ ᠲᠦᠷᠬᠡᠳᠴᠤ᠂ ᠤᠯᠠᠷᠢᠯ ᠲᠠᠷᠠᠭᠠᠯᠠᠨ ᠲᠦᠷᠬᠡᠳᠬᠦ ᠪᠠᠶᠢᠳᠠᠯ ᠢᠯᠡᠷᠡᠭᠰᠡᠨ ᠪᠠᠶᠢᠨ᠎ᠠ᠃      ᠤᠢᠢᠯᠠᠭᠠᠬᠰᠠᠨ ᠢᠶᠠᠷ᠂ ᠲᠦᠷᠦᠬᠦᠦ ᠤᠯᠠᠷᠢᠯ ᠳᠤ᠂ ᠮᠠᠨ ᠤ ᠤᠷᠤᠨ ᠤ ᠠᠵᠦ ᠠᠬᠤᠢ ᠶᠢᠨ ᠡᠷᠬᠢᠯᠳᠡ ᠳᠤ ᠭᠤᠤᠯᠳᠠᠭᠤ ᠨᠠᠢᠮᠠᠨ ᠲᠠᠯ᠎ᠠ ᠶᠢᠨ ᠤᠨᠴᠠᠯᠢᠬ ᠢᠯᠡᠷᠡᠵᠡᠢ᠄ ᠲᠠᠷᠢᠮᠠᠯ ᠤᠨ ᠪᠦᠲᠦᠴᠡ ᠴᠢᠨᠠᠬᠰᠢᠳᠠ ᠰᠢᠯᠢᠳᠡᠭᠵᠢᠵᠦ᠂ ᠮᠠᠯ ᠵᠢᠬᠦᠷᠳᠡᠨ ᠤ ᠦᠢᠯᠡᠳᠪᠦᠷᠢᠯᠡᠯ ᠦᠨᠳᠦᠰᠦᠨ ᠳᠤ ᠪᠠᠨ ᠲᠤᠬᠳᠠᠭᠤᠨ ᠪᠠᠶᠢᠵᠦ᠂ ᠡᠨᠡ ᠵᠢᠯ  ᠤᠨ ᠪᠦᠬᠦ ᠤᠷᠤᠨ ᠤ ᠲᠠᠷᠢᠬᠤ ᠪᠠᠷ ᠪᠠᠶᠢᠭ᠎ᠠ ᠲᠠᠯᠠᠪᠠᠢ ᠨᠢ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 2.1% ᠪᠠᠷ ᠨᠡᠮᠡᠭᠳᠡᠵᠦ᠂ ᠦᠬᠡᠷ ᠬᠤᠨᠢᠨ ᠤ ᠦᠢᠯᠡᠳᠪᠦᠷᠢᠯᠡᠯ ᠤᠨ ᠪᠠᠶᠢᠳᠠᠯ ᠰᠠᠶᠢᠨ ᠪᠠᠶᠢᠵᠦ᠂ ᠲᠦᠷᠦᠬᠦᠦ ᠤᠯᠠᠷᠢᠯ ᠳᠤ᠂ ᠪᠦᠬᠦ ᠤᠷᠤᠨ ᠤ ᠦᠬᠡᠷ ᠤᠨ ᠭᠠᠷᠭᠠᠯᠳᠠ ᠪᠠ ᠬᠤᠨᠢᠨ ᠤ ᠭᠠᠷᠭᠠᠯᠳᠠ ᠨᠢ ᠲᠤᠰ ᠲᠤᠰ

        365赢多少钱会被限额_国内有真正的365平台吗_365bet博彩官网

        ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 6.3% ᠪᠠ 4.4% ᠪᠠᠷ ᠨᠡᠮᠡᠭᠳᠡᠵᠦ᠂ ᠦᠬᠡᠷ ᠤᠨ ᠮᠢᠬ᠎ᠠ ᠪᠠ ᠬᠤᠨᠢᠨ ᠮᠢᠬ᠎ᠠ᠂ ᠦᠨᠢᠶᠡᠨ ᠰᠦ ᠶᠢᠨ ᠭᠠᠷᠤᠯᠳᠠ ᠨᠢ ᠲᠤᠰ ᠲᠤᠰ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 6.2% ᠪᠠ 4.3%᠂ 1.3% ᠪᠠᠷ ᠨᠡᠮᠡᠭᠳᠡᠵᠡᠢ᠃ ᠠᠵᠦ ᠦᠢᠯᠡᠳᠪᠦᠷᠢ ᠶᠢᠨ ᠦᠢᠯᠡᠳᠪᠦᠷᠢᠯᠡᠯ ᠲᠦᠷᠬᠡᠳᠴᠤ᠂ ᠴᠢᠨᠠᠷ ᠰᠠᠶᠢᠳᠠᠢ ᠬᠦᠭᠵᠢᠯᠳᠡ ᠶᠢᠨ ᠤᠨᠴᠠᠯᠢᠬ ᠢᠯᠡᠷᠬᠡᠶᠢᠰᠢᠵᠦ᠂ ᠲᠦᠷᠦᠬᠦᠦ ᠤᠯᠠᠷᠢᠯ ᠳᠤ᠂ ᠪᠦᠬᠦ ᠤᠷᠤᠨ ᠤ ᠬᠡᠪᠴᠢᠶᠡᠵᠢᠯ ᠠᠴᠠ ᠲᠡᠭᠡᠭᠰᠢᠬᠢ ᠠᠵᠦ ᠦᠢᠯᠡᠳᠪᠦᠷᠢ ᠶᠢᠨ ᠨᠡᠮᠡᠭᠳᠡᠯ ᠦᠷᠳᠡᠭ ᠨᠢ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 6.6% ᠪᠠᠷ ᠨᠡᠮᠡᠭᠳᠡᠵᠦ᠂ ᠠᠷᠠᠳ ᠤᠨ ᠡᠵᠡᠩᠨᠡᠯᠳᠡ ᠶᠢᠨ ᠠᠵᠦ ᠠᠬᠤᠶᠢᠯᠠᠯ ᠤᠨ ᠨᠡᠮᠡᠭᠳᠡᠯ ᠦᠷᠳᠡᠭ ᠤᠨ ᠨᠡᠮᠡᠭᠳᠡᠯ ᠤᠨ ᠬᠤᠷᠳᠤᠴᠠ ᠲᠦᠷᠬᠡᠳᠴᠤ᠂ ᠦᠢᠯᠡᠳᠬᠦ ᠦᠢᠯᠡᠰ ᠤᠨ ᠨᠡᠮᠡᠭᠳᠡᠯ ᠦᠷᠳᠡᠭ ᠤᠨ ᠨᠡᠮᠡᠭᠳᠡᠯ  ᠤᠨ ᠬᠤᠷᠳᠤᠴᠠ ᠨᠢ ᠬᠡᠪᠴᠢᠶᠡᠵᠢᠯ ᠠᠴᠠ ᠲᠡᠭᠡᠭᠰᠢᠬᠢ ᠠᠵᠦ ᠦᠢᠯᠡᠳᠪᠦᠷᠢ ᠶᠢᠨ ᠬᠢ ᠠᠴᠠ ᠮᠡᠳᠡᠭᠳᠡᠮ᠎ᠠ ᠲᠦᠷᠬᠡᠳᠦᠭᠰᠡᠨ ᠪᠠᠶᠢᠨ᠎ᠠ᠃ ᠦᠢᠯᠡᠴᠢᠯᠡᠬᠡᠨ ᠤ ᠦᠢᠯᠡᠰ ᠤᠨ ᠬᠦᠭᠵᠢᠯᠳᠡ ᠶᠢᠨ ᠠᠮᠢᠵᠢᠷᠠᠯ ᠤᠨ ᠬᠦᠴᠦᠨ ᠴᠢᠩᠭᠠᠷᠠᠵᠦ᠂ ᠬᠡᠷᠡᠭᠯᠡᠭᠡ ᠶᠢᠨ ᠲᠡᠰ ᠲᠡᠪᠰᠢᠬᠦ ᠪᠠᠶᠢᠳᠠᠯ ᠢᠯᠡᠷᠬᠡᠶᠢᠰᠢᠵᠦ᠂ ᠲᠦᠷᠦᠬᠦᠦ ᠤᠯᠠᠷᠢᠯ ᠳᠤ᠂ ᠪᠦᠬᠦ ᠤᠷᠤᠨ ᠤ ᠭᠤᠷᠪᠠᠳᠤᠭᠠᠷ ᠠᠵᠦ ᠦᠢᠯᠡᠰ ᠤᠨ GDP ᠤᠨ ᠨᠡᠮᠡᠭᠳᠡᠯ ᠳᠠᠬᠢ ᠬᠤᠪᠢ ᠨᠡᠮᠡᠷᠢ ᠶᠢᠨ ᠨᠤᠷᠮ᠎ᠠ ᠨᠢ 53.9% ᠳᠤ ᠬᠦᠷᠴᠤ᠂ ᠤᠯᠠᠮᠵᠢᠯᠠᠯᠳᠤ ᠦᠢᠯᠡᠴᠢᠯᠡᠬᠡᠨ ᠤ ᠦᠢᠯᠡᠰ ᠳᠤᠭᠳᠠᠭᠤᠨ ᠢᠶᠠᠷ ᠨᠡᠮᠡᠭᠳᠡᠨ᠂ ᠵᠤᠭᠠᠴᠠᠯ ᠤᠨ ᠦᠢᠯᠡᠰ ᠤᠨ ᠬᠦᠭᠵᠢᠯᠳᠡ ᠶᠢᠨ ᠪᠠᠶᠢᠳᠠᠯ ᠨᠢ ᠨᠡᠯᠢᠶᠡᠳ ᠰᠠᠶᠢᠨ ᠪᠠᠶᠢᠵᠦ᠂ ᠬᠡᠷᠡᠭᠯᠡᠭᠡ ᠶᠢᠨ ᠲᠡᠰ ᠲᠡᠪᠰᠢᠭᠰᠡᠨ ᠲᠦᠷᠦᠯ ᠤᠨ ᠲᠠᠸᠠᠷ ᠤᠨ ᠪᠤᠷᠤᠯᠠᠭᠤᠯᠤᠯᠳᠠ ᠨᠢ ᠨᠡᠯᠢᠶᠡᠳ ᠲᠦᠷᠬᠡᠨ ᠨᠡᠮᠡᠭᠳᠡᠵᠦ᠂ ᠰᠠᠭᠤᠭᠠᠯᠢ ᠠᠷᠠᠳ ᠤᠨ ᠬᠡᠷᠡᠭᠯᠡᠬᠡᠨ ᠤ ᠪᠦᠲᠦᠴᠡ ᠨᠢ ᠲᠠᠰᠤᠷᠠᠯᠳᠠ ᠦᠬᠡᠢ ᠰᠢᠯᠢᠳᠡᠭᠵᠢᠪᠡ᠃ ᠪᠡᠯᠡ ᠤᠷᠤᠭᠤᠯᠤᠯᠳᠠ ᠶᠢᠨ ᠨᠡᠮᠡᠭᠳᠡᠯ ᠤᠨ ᠬᠤᠷᠳᠤᠴᠠ ᠨᠢ ᠲᠤᠭᠳᠠᠭᠤᠨ ᠤ ᠲᠤᠮᠳᠠ ᠲᠡᠭᠡᠭᠰᠢᠯᠡᠵᠦ᠂ ᠲᠤᠳᠠᠭᠤᠳᠠᠯ ᠬᠦᠷᠢᠶ᠎ᠠ ᠴᠠᠷᠠᠭ᠎ᠠ ᠨᠢ ᠦᠷᠬᠦᠯᠵᠢᠯᠡᠨ ᠴᠢᠩᠭᠠᠷᠠᠵᠦ᠂ ᠠᠷᠠᠳ ᠤᠨ ᠪᠡᠯᠡ ᠤᠷᠤᠭᠤᠯᠤᠯᠳᠠ ᠶᠢᠨ ᠪᠠᠭᠤᠷᠠᠯᠳᠠ ᠶᠢᠨ ᠬᠡᠮᠵᠢᠶ᠎ᠠ ᠨᠢ ᠢᠯᠡᠷᠬᠡᠢ ᠪᠠᠭᠠᠰᠴᠤ᠂ ᠪᠡᠯᠡ ᠤᠷᠤᠭᠤᠯᠤᠯᠳᠠ ᠶᠢᠨ ᠪᠦᠲᠦᠴᠡ ᠨᠢ ᠴᠢᠨᠠᠬᠰᠢᠳᠠ ᠰᠢᠯᠢᠳᠡᠭᠵᠢᠵᠦ᠂ ᠲᠤᠳᠠᠭᠤᠳᠠᠯ ᠢ ᠨᠦᠬᠦᠪᠦᠷᠢᠯᠡᠬᠦ ᠬᠦᠷᠢᠶ᠎ᠠ ᠴᠠᠷᠠᠭ᠎ᠠ ᠶᠢᠨ ᠪᠡᠯᠡ ᠤᠷᠤᠭᠤᠯᠤᠯᠳᠠ ᠶᠢᠨ ᠬᠦᠴᠦᠯᠡᠴᠡ ᠨᠡᠮᠡᠭᠳᠡᠵᠦ᠂ ᠬᠤᠳᠠᠯᠳᠤᠭᠠᠨ ᠤ ᠠᠰᠠᠷ ᠪᠠᠶᠢᠰᠢᠩ ᠤᠨ ᠪᠤᠷᠤᠯᠠᠭᠤᠯᠤᠯᠳᠠ ᠶᠢᠨ ᠪᠠᠶᠢᠳᠠᠯ ᠰᠠᠶᠢᠵᠢᠷᠠᠪᠠ᠃ ᠭᠠᠳᠠᠭᠠᠳᠤ ᠠᠴᠠ ᠤᠷᠤᠭᠤᠯᠵᠦ ᠭᠠᠳᠠᠭᠠᠳᠤ ᠳᠤ ᠭᠠᠷᠭᠠᠬᠰᠠᠨ ᠵᠤᠭᠤᠰ ᠤᠨ ᠶᠡᠷᠦᠩᠬᠡᠢ ᠲᠤᠭ᠎ᠠ ᠨᠢ ᠲᠦᠷᠬᠡᠨ ᠢᠶᠠᠷ ᠨᠡᠮᠡᠭᠳᠡᠵᠦ᠂ ᠲᠦᠷᠦᠬᠦᠦ ᠤᠯᠠᠷᠢᠯ ᠳᠤ᠂ ᠪᠦᠬᠦ ᠤᠷᠤᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠤᠷᠤᠭᠤᠯᠵᠦ ᠭᠠᠳᠠᠭᠠᠳᠤ ᠳᠤ ᠭᠠᠷᠭᠠᠬᠰᠠᠨ ᠵᠤᠭᠤᠰ ᠤᠨ ᠶᠡᠷᠦᠩᠬᠡᠢ ᠲᠤᠭ᠎ᠠ ᠨᠢ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 11.2% ᠪᠠᠷ ᠨᠡᠮᠡᠭᠳᠡᠵᠦ᠂ ᠭᠠᠳᠠᠭᠠᠳᠤ ᠠᠴᠠ ᠤᠷᠤᠭᠤᠯᠵᠦ ᠭᠠᠳᠠᠭᠠᠳᠤ ᠳᠤ ᠭᠠᠷᠭᠠᠬᠰᠠᠨ ᠵᠤᠭᠤᠰ ᠤᠨ ᠲᠤᠭ᠎ᠠ ᠨᠢ ᠬᠤᠤᠰ ᠨᠡᠮᠡᠭᠳᠡᠯ ᠢ ᠪᠡᠶᠡᠯᠡᠬᠦᠯᠵᠦ᠂ ᠠᠷᠠᠯᠵᠢᠶᠠᠨ ᠤ ᠪᠦᠲᠦᠴᠡ ᠨᠢ ᠴᠢᠨᠠᠬᠰᠢᠳᠠ ᠰᠢᠯᠢᠳᠡᠭᠵᠢᠪᠡ᠃ ᠰᠠᠭᠤᠭᠠᠯᠢ ᠠᠷᠠᠳ ᠤᠨ ᠬᠡᠷᠡᠭᠯᠡᠬᠡᠨ ᠤ ᠦᠨ᠎ᠠ ᠬᠠᠩᠰᠢ ᠶᠢᠨ ᠦᠰᠦᠯᠳᠡ ᠨᠢ ᠪᠠᠭᠤᠷᠠᠵᠦ᠂ ᠠᠵᠦ ᠦᠢᠯᠡᠳᠪᠦᠷᠢ ᠶᠢᠨ ᠦᠢᠯᠡᠳᠪᠦᠷᠢᠯᠡᠭᠴᠢ ᠶᠢᠨ ᠦᠨ᠎ᠠ ᠬᠠᠩᠰᠢ ᠨᠢ ᠪᠠᠭ᠎ᠠ ᠦᠰᠴᠤ᠂ ᠲᠦᠷᠦᠬᠦᠦ ᠤᠯᠠᠷᠢᠯ ᠳᠤ᠂ ᠪᠦᠬᠦ ᠤᠷᠤᠨ ᠤ ᠰᠠᠭᠤᠭᠠᠯᠢ ᠠᠷᠠᠳ ᠤᠨ ᠬᠡᠷᠡᠭᠯᠡᠬᠡᠨ ᠤ ᠦᠨ᠎ᠠ ᠬᠠᠩᠰᠢ ᠨᠢ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 1.7% ᠪᠠᠷ ᠨᠡᠮᠡᠭᠳᠡᠵᠦ᠂ ᠦᠰᠦᠯᠳᠡ ᠶᠢᠨ ᠬᠡᠮᠵᠢᠶ᠎ᠠ ᠨᠢ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 0.3 ᠵᠠᠭᠤᠨ ᠤ ᠴᠡᠭ ᠪᠠᠭᠤᠷᠠᠵᠦ᠂ ᠪᠦᠬᠦ ᠤᠯᠤᠰ ᠤᠨ ᠲᠤᠮᠳᠠᠴᠢ ᠲᠦᠪᠰᠢᠨ ᠠᠴᠠ ᠪᠠᠰᠠ 0.1 ᠵᠠᠭᠤᠨ ᠤ ᠴᠡᠭ ᠲᠤᠤᠷ᠎ᠠ ᠪᠤᠯᠤᠬᠰᠠᠨ ᠪᠠᠶᠢᠨ᠎ᠠ᠃ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ ᠤᠨ ᠪᠠᠶᠢᠳᠠᠯ ᠨᠢ ᠰᠠᠶᠢᠨ ᠪᠤᠯᠵᠦ᠂ ᠬᠤᠳᠠ ᠬᠦᠳᠡᠭᠡ ᠶᠢᠨ ᠤᠷᠤᠯᠭ᠎ᠠ ᠶᠢᠨ ᠵᠦᠷᠢᠶ᠎ᠠ ᠨᠢ ᠪᠠᠭᠠᠰᠴᠤ᠂ ᠲᠦᠷᠦᠬᠦᠦ ᠤᠯᠠᠷᠢᠯ ᠳᠤ᠂ ᠪᠦᠬᠦ ᠤᠷᠤᠨ ᠤ ᠰᠠᠭᠤᠭᠠᠯᠢ ᠠᠷᠠᠳ ᠤᠨ ᠬᠦᠮᠦᠨ ᠲᠤᠮᠳᠠᠴᠢ ᠡᠵᠡᠮᠳᠡᠵᠦ ᠪᠤᠯᠬᠤ ᠤᠷᠤᠯᠭ᠎ᠠ ᠨᠢ 8309 ᠲᠦᠬᠦᠷᠢᠭ ᠲᠤ ᠬᠦᠷᠴᠤ᠂ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 7.7% ᠪᠠᠷ ᠨᠡᠮᠡᠭᠳᠡᠵᠡᠢ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠳᠠᠢ ᠦᠬᠡᠷᠡᠴᠢᠯᠡᠯᠳᠡ ᠯᠠᠪᠳᠠᠭᠤᠨ ᠪᠠᠳᠤᠳᠠᠢ ᠠᠬᠢᠵᠦ᠂ ︽ᠦᠢᠯᠡᠳᠪᠤᠷᠢᠯᠡᠯ ᠤᠨ ᠴᠢᠳᠠᠪᠤᠷᠢ ᠶᠢ ᠪᠠᠭᠠᠰᠬᠠᠬᠤ᠂ ᠬᠦᠮᠦᠷᠭᠡᠯᠡᠯᠳᠡ ᠶᠢ ᠪᠠᠭᠠᠰᠬᠠᠬᠤ᠂ ᠬᠦᠰᠢᠭᠦᠷᠭᠡ ᠶᠢ ᠪᠠᠭᠠᠰᠬᠠᠬᠤ᠂ ᠦᠪᠡᠷ ᠤᠨ ᠦᠷᠳᠡᠭ ᠢ ᠪᠠᠭᠤᠷᠠᠭᠤᠯᠬᠤ᠂ ᠲᠤᠳᠠᠭᠤᠳᠠᠯ ᠢ ᠨᠦᠬᠦᠪᠤᠷᠢᠯᠡᠬᠦ︾ ᠲᠠᠯ᠎ᠠ ᠪᠠᠷ ᠰᠢᠨ᠎ᠠ ᠠᠬᠢᠴᠠ ᠲᠠᠢ ᠪᠤᠯᠤᠬᠰᠠᠨ ᠪᠠᠶᠢᠨ᠎ᠠ᠃
        ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ