| | ᠰᠤᠷᠪᠤᠯᠵᠢᠯᠠᠭᠰᠠᠨ ᠴᠠᠭ᠄ | 2019 ᠣᠨ ᠤ 03 ᠳ᠋ᠤᠭᠠᠷ ᠰᠠᠷ᠎ᠠ ᠶᠢᠨ 27 ᠤ ᠡᠳᠦᠷ ᠤᠨ 15 ᠴᠠᠭ | ᠰᠤᠷᠪᠤᠯᠵᠢᠯᠠᠭ᠎ᠠ ᠬᠦᠯᠢᠶᠡᠭᠴᠢ᠄ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ︵ᠳᠡᠳ᠋ | ᠲᠢᠩᠬᠢᠮ ᠤᠨ ᠳᠡᠰ︶ ᠵᠠᠩ ᠯᠢᠶᠠᠩ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠣᠶᠢᠷ᠎ᠠ ᠳᠤ᠂ ᠪᠢᠳᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ | ᠭᠡᠰᠢᠭᠦᠨ ᠵᠠᠩ ᠯᠢᠶᠠᠩ ᠢ ᠤᠷᠢᠵᠤ᠂ ᠬᠢᠨᠠᠨ ᠪᠣᠳᠣᠬᠤ ᠹᠷᠣᠨᠲ ᠤᠨ ᠬᠢᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ | ᠣᠯᠬᠤ ᠳᠤ ᠬᠦᠴᠦᠯᠡᠬᠦ ᠶᠠᠪᠤᠴᠠ ᠳᠤ ᠦᠵᠡᠭᠦᠯᠦᠭᠰᠡᠨ ᠴᠢᠬᠤᠯᠠ ᠦᠢᠯᠡᠳᠦᠯ ᠤᠨ ᠲᠤᠬᠠᠢ ᠲᠠᠶᠢᠯᠤᠮᠵᠢ ᠬᠢᠯᠭᠡᠪᠡ᠃ | | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | | ᠬᠥᠲᠥᠯᠥᠭᠴᠢ᠄ | ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠤᠰ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠤ | ᠰᠤᠷᠪᠤᠯᠵᠢᠯᠠᠭ᠎ᠠ ᠶᠢᠨ ᠪᠤᠯᠤᠩ ᠢ ᠬᠦᠯᠢᠶᠡᠨ ᠠᠪᠴᠤ ᠦᠵᠡᠬᠦ ᠶᠢ ᠴᠢᠨᠢ ᠪᠠᠶᠠᠷᠯᠠᠨ ᠤᠭᠲᠤᠵᠤ ᠪᠠᠶᠢᠨ᠎ᠠ᠃ ᠥᠨᠥᠳᠥᠷ ᠪᠢᠳᠡ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠵᠠᠩ ᠯᠢᠶᠠᠩ ᠢ ᠤᠷᠢᠵᠤ᠂ ᠬᠢᠨᠠᠨ ᠪᠣᠳᠣᠬᠤ ᠹᠷᠣᠨᠲ ᠤᠨ | ᠬᠢᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠬᠦᠴᠦᠯᠡᠬᠦ ᠶᠠᠪᠤᠴᠠ ᠳᠤ ᠦᠵᠡᠭᠦᠯᠦᠭᠰᠡᠨ ᠴᠢᠬᠤᠯᠠ | ᠦᠢᠯᠡᠳᠦᠯ ᠤᠨ ᠲᠤᠬᠠᠢ ᠲᠠᠶᠢᠯᠤᠮᠵᠢ ᠬᠢᠯᠭᠡᠬᠦ ᠪᠣᠯᠣᠯ᠎ᠠ᠃ ᠵᠠᠩ ᠲᠢᠩᠬᠢᠮ ᠤᠨ ᠳᠠᠷᠤᠭ᠎ᠠ ᠶᠢ ᠪᠠᠶᠠᠷᠯᠠᠨ ᠤᠭᠲᠤᠵᠤ ᠪᠠᠶᠢᠨ᠎ᠠ᠃ | ᠵᠠᠩ ᠯᠢᠶᠠᠩ᠄ | ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠠᠳᠡ ᠣᠯᠠᠨ ᠲᠠᠢ ᠰᠠᠨᠠᠯ ᠰᠣᠯᠢᠯᠴᠠᠵᠤ᠂ ᠬᠢᠨᠠᠨ ᠪᠣᠳᠣᠬᠤ ᠠᠵᠢᠯ ᠤᠨ ᠲᠤᠬᠠᠢ | ᠬᠤᠪᠢᠶᠠᠯᠴᠠᠬᠤ ᠪᠣᠯᠣᠭᠰᠠᠨ ᠳᠤ ᠪᠠᠨ ᠰᠡᠳᠬᠢᠯ ᠮᠠᠰᠢ ᠥᠨᠳᠥᠷ ᠪᠠᠶᠢᠨ᠎ᠠ᠃ | ᠬᠥᠲᠥᠯᠥᠭᠴᠢ᠄ | ᠮᠠᠰᠢ ᠣᠯᠠᠨ ᠰᠦᠯᠵᠢᠶᠡᠨ ᠤ ᠠᠨᠳᠠ ᠬᠢᠨᠠᠨ ᠪᠣᠳᠣᠬᠤ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠳᠤ | ᠦᠵᠡᠭᠦᠯᠦᠭᠰᠡᠨ ᠦᠢᠯᠡᠳᠦᠯ ᠤᠨ ᠲᠤᠬᠠᠢ ᠲᠡᠳᠦᠢ ᠣᠶᠢᠯᠭᠠᠬᠤ ᠦᠭᠡᠢ ᠪᠠᠶᠢᠵᠤ ᠮᠡᠳᠡᠨ᠎ᠡ᠃ ᠲᠠ ᠣᠶᠢᠷ᠎ᠠ ᠶᠢᠨ ᠵᠢᠯ ᠤᠳ ᠠᠴᠠ ᠨᠠᠭᠠᠰᠢ ᠥᠪᠡᠷᠲᠡᠭᠡᠨ ᠵᠠᠰᠠᠬᠤ | ᠣᠷᠣᠨ ᠤ ᠬᠢᠨᠠᠨ ᠪᠣᠳᠣᠬᠤ ᠲᠢᠩᠬᠢᠮ ᠠᠴᠠ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠶᠠᠮᠠᠷ ᠶᠠᠮᠠᠷ ᠠᠷᠭ᠎ᠠ | ᠬᠡᠮᠵᠢᠶ᠎ᠡ ᠠᠪᠤᠭᠰᠠᠨ ᠢ ᠣᠯᠠᠨ ᠳᠤ ᠲᠠᠨᠢᠯᠴᠠᠭᠤᠯᠤᠭᠠᠳ ᠥᠭᠭᠦᠨ᠎ᠡ 365赢多少钱会被限额_国内有真正的365平台吗_365bet博彩官网 | ᠦᠦ︖ | ᠵᠠᠩ ᠯᠢᠶᠠᠩ᠄ | ︽ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ︾ ᠢ ᠲᠠᠷᠬᠠᠭᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠪᠠ ᠤᠯᠤᠰ ᠤᠨ ᠬᠢᠨᠠᠨ ᠪᠣᠳᠣᠬᠤ ᠵᠠᠬᠢᠷᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ | ᠲᠢᠩᠬᠢᠮ ᠠᠴᠠ ᠲᠦᠷᠭᠡᠨ ᠢᠶᠠᠷ ᠠᠵᠢᠯᠯᠠᠭ᠎ᠠ ᠥᠷᠨᠢᠭᠦᠯᠦᠨ᠂ ᠨᠠᠷᠢᠨ ᠨᠢᠭᠲᠠ ᠲᠣᠬᠢᠷᠠᠭᠤᠯᠤᠯᠲᠠ ᠬᠢᠵᠦ᠂ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠨ᠂ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠬᠦᠴᠦᠯᠡᠪᠡ᠃ ᠨᠢᠭᠡ ᠳᠤ᠂ ᠵᠣᠬᠢᠶᠠᠨ ᠪᠠᠶᠢᠭᠤᠯᠤᠯᠲᠠ ᠪᠠ | ᠪᠠᠶᠢᠭᠤᠯᠤᠮᠵᠢ ᠶᠢ ᠪᠦᠷᠢᠨᠰᠢᠭᠦᠯᠦᠨ᠂ ᠪᠦᠬᠦ ᠣᠷᠣᠨ ᠤ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠢᠨᠠᠨ ᠪᠣᠳᠣᠬᠤ ᠠᠵᠢᠯ ᠤᠨ ᠤᠳᠤᠷᠢᠳᠬᠤ ᠳᠤᠭᠤᠶᠢᠯᠠᠩ ᠢ | ᠪᠠᠶᠢᠭᠤᠯᠵᠤ᠂ ᠬᠠᠷᠢᠶᠠᠨ ᠳᠤ ᠨᠢ ᠲᠤᠬᠠᠢ ᠶᠢᠨ ᠲᠠᠯᠠᠪᠤᠷ ᠤᠨ ᠬᠢᠨᠠᠨ ᠪᠣᠳᠣᠬᠤ ᠳᠤᠭᠤᠶᠢᠯᠠᠩ᠂ ᠪᠠᠶᠢᠴᠠᠭᠠᠯᠲᠠ ᠬᠢᠵᠦ ᠰᠢᠮᠳᠠᠭᠤᠯᠤᠨ ᠵᠢᠯᠣᠭᠤᠳᠬᠤ ᠳᠤᠭᠤᠶᠢᠯᠠᠩ᠂ | ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠳᠤᠭᠤᠶᠢᠯᠠᠩ ᠲᠣᠬᠢᠷᠠᠭᠤᠯᠤᠭᠰᠠᠨ ᠤ ᠬᠠᠮᠲᠤ᠂ ᠲᠢᠩᠬᠢᠮ ᠤᠨ ᠨᠢᠭᠡᠨ ᠳᠡᠳ᠋ ᠳᠠᠷᠤᠭ᠎ᠠ ᠪᠠᠷ ᠲᠤᠰ ᠵᠦᠢᠯ ᠤᠨ | ᠠᠵᠢᠯ ᠢ ᠲᠤᠰᠬᠠᠶᠢᠯᠠᠨ ᠬᠠᠷᠢᠭᠤᠴᠠᠭᠤᠯᠪᠠ᠃ ᠬᠤᠶᠠᠷ ᠲᠤ᠂ ᠬᠠᠷᠢᠭᠤᠴᠠᠯᠭ᠎ᠠ ᠪᠠ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠪᠦᠬᠦ ᠣᠷᠣᠨ ᠤ ᠬᠢᠨᠠᠨ ᠪᠣᠳᠣᠬᠤ | ᠹᠷᠣᠨᠲ ᠳᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠬᠢᠨᠠᠨ ᠪᠣᠳᠣᠬᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠵᠦ᠂ ︽ᠨᠢᠭᠡᠳᠦᠯᠲᠡᠢ ᠵᠣᠬᠢᠶᠠᠨ | ᠪᠠᠶᠢᠭᠤᠯᠤᠯᠲᠠ ᠲᠠᠢ᠂ ᠬᠠᠷᠢᠭᠤᠴᠠᠯᠭ᠎ᠠ ᠲᠣᠳᠣᠷᠬᠠᠢ᠂ ᠥᠪᠡᠷ ᠥᠪᠡᠷ ᠤᠨ ᠬᠠᠷᠢᠭᠤᠴᠠᠯᠭ᠎ᠠ ᠪᠠᠨ ᠡᠭᠦᠷᠭᠡᠯᠡᠬᠦ᠂ ᠬᠦᠴᠦ ᠪᠠᠨ ᠬᠠᠮᠲᠤᠳᠬᠠᠨ ᠰᠢᠪᠲᠤᠯᠤᠯᠲᠠ ᠬᠢᠬᠦ | ᠬᠠᠷᠢᠭᠤᠴᠠᠯᠭ᠎ᠠ ᠶᠢᠨ ᠰᠢᠰᠲ᠋ᠧᠮᠵᠢ︾ ᠶᠢ ᠪᠠᠶᠢᠭᠤᠯᠵᠤ᠂ ︽ᠲᠠᠪᠤ ᠶᠢ ᠨᠢᠭᠡᠳᠬᠡᠬᠦ︾ ᠵᠠᠭᠪᠤᠷ ᠶᠣᠰᠣᠭᠠᠷ᠂ ︽ᠳᠡᠭᠡᠳᠦ ᠱᠠᠲᠤ ᠨᠢ ᠳᠣᠣᠷᠠᠳᠤ ᠱᠠᠲᠤ ᠪᠠᠨ ᠬᠢᠨᠠᠬᠤ᠂ | ᠰᠣᠯᠪᠢᠴᠠᠭᠤᠯᠤᠨ ᠬᠢᠨᠠᠬᠤ︾ ᠠᠷᠭ᠎ᠠ ᠬᠡᠯᠪᠡᠷᠢ ᠪᠠᠷ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠶᠢᠨ ᠪᠠᠶᠢᠳᠠᠯ ᠳᠤ ᠪᠦᠬᠦ ᠲᠠᠯ᠎ᠠ ᠪᠠᠷ | ᠮᠥᠷᠳᠡᠵᠦ ᠬᠢᠨᠠᠯᠲᠠ ᠪᠣᠳᠣᠯᠲᠠ ᠬᠢᠪᠡ᠃ ᠭᠤᠷᠪᠠ ᠳᠤ᠂ ᠳᠦᠷᠢᠮ ᠢ ᠪᠦᠷᠢᠨᠰᠢᠭᠦᠯᠦᠨ᠂ ︽ᠶᠠᠳᠠᠭᠤ ᠶᠢ ᠲᠡᠳᠬᠦᠬᠦ ᠠᠵᠢᠯ ᠤᠨ ᠬᠢᠨᠠᠨ ᠪᠣᠳᠣᠬᠤ ᠲᠥᠰᠥᠯ︾᠂ ︽ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠲᠤᠬᠠᠢ ᠭᠤᠷᠪᠠᠨ ᠵᠢᠯ ᠤᠨ ᠠᠵᠢᠯᠯᠠᠭ᠎ᠠ ᠶᠢᠨ ᠬᠢᠨᠠᠨ ᠪᠣᠳᠣᠬᠤ | ᠠᠵᠢᠯ ᠤᠨ ᠲᠥᠰᠥᠯ︾ ᠢ ᠲᠣᠭᠲᠠᠭᠠᠨ ᠨᠡᠶᠢᠲᠡᠯᠡᠵᠦ᠂ ︽ᠶᠠᠳᠠᠭᠤ ᠶᠢ ᠲᠡᠳᠬᠦᠬᠦ ᠬᠢᠨᠠᠯᠲᠠ ᠪᠣᠳᠣᠯᠲᠠ ᠶᠢᠨ ᠬᠠᠤᠯᠢ ᠲᠣᠭᠲᠠᠭᠠᠯ ᠤᠨ ᠬᠤᠷᠢᠶᠠᠩᠭᠤᠢ︾ ᠪᠠ ︽ | ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠶᠢᠨ ᠠᠯᠳᠠᠭᠳᠠᠯ ᠲᠠᠢ ᠨᠠᠷᠢᠨ ᠬᠠᠭᠤᠳᠠᠰᠤ︾ ᠶᠢ ᠨᠠᠶᠢᠷᠠᠭᠤᠯᠤᠨ ᠵᠣᠬᠢᠶᠠᠵᠤ᠂ ᠪᠦᠬᠦ ᠣᠷᠣᠨ ᠤ | ᠬᠢᠨᠠᠨ ᠪᠣᠳᠣᠬᠤ ᠪᠠᠶᠢᠭᠤᠯᠭ᠎ᠠ ᠶᠢ ᠬᠠᠤᠯᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠵᠤ ᠪᠠᠶᠢᠭᠠᠳ ᠶᠠᠳᠠᠭᠤ ᠶᠢ ᠲᠡᠳᠬᠦᠬᠦ ᠬᠢᠨᠠᠯᠲᠠ ᠪᠣᠳᠣᠯᠲᠠ ᠶᠢ ᠪᠦᠬᠦ ᠲᠠᠯ᠎ᠠ ᠪᠠᠷ | ᠥᠷᠨᠢᠭᠦᠯᠵᠦ᠂ 2020 ᠣᠨ ᠪᠣᠯᠬᠤ ᠳᠤ ᠪᠦᠬᠦ ᠣᠷᠣᠨ ᠤ 57 ᠶᠠᠳᠠᠭᠤ ᠬᠦᠴᠢᠷᠳᠡᠯᠲᠡᠢ ᠬᠤᠰᠢᠭᠤ ᠰᠢᠶᠠᠨ ᠪᠠ ᠶᠠᠳᠠᠭᠤ ᠬᠦᠴᠢᠷᠳᠡᠯᠲᠡᠢ ᠬᠥᠮᠥᠨ ᠠᠮᠠ ᠪᠠᠶᠢᠬᠤ | 29 ᠶᠠᠳᠠᠭᠤ ᠬᠦᠴᠢᠷᠳᠡᠯᠲᠡᠢ ᠪᠤᠰᠤ ᠬᠤᠰᠢᠭᠤ ᠰᠢᠶᠠᠨ ᠳᠤ ᠬᠢᠨᠠᠯᠲᠠ ᠪᠣᠳᠣᠯᠲᠠ ᠶᠢ ᠪᠦᠬᠦ ᠲᠠᠯ᠎ᠠ ᠪᠠᠷ ᠬᠠᠮᠤᠷᠤᠭᠤᠯᠬᠤ ᠶᠢ ᠪᠡᠶᠡᠯᠡᠭᠦᠯᠦᠨ᠎ᠡ ᠭᠡᠵᠦ ᠲᠣᠳᠣᠷᠬᠠᠶᠢᠯᠠᠪᠠ᠃ | ᠬᠥᠲᠥᠯᠥᠭᠴᠢ᠄ | ᠡᠳᠡᠭᠡᠷ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠬᠢᠨᠠᠯᠲᠠ ᠪᠣᠳᠣᠯᠲᠠ ᠳᠤ ᠶᠠᠮᠠᠷ ᠶᠠᠮᠠᠷ ᠦᠷ᠎ᠡ ᠪᠦᠲᠦᠮᠵᠢ | ᠣᠯᠣᠭᠰᠠᠨ ᠪᠣᠢ︖ | ᠵᠠᠩ ᠯᠢᠶᠠᠩ᠄ | ᠶᠡᠷᠦᠩᠬᠡᠢ ᠪᠠᠶᠢᠳᠠᠯ ᠠᠴᠠ ᠠᠪᠴᠤ ᠦᠵᠡᠪᠡᠯ᠂ ᠶᠠᠳᠠᠭᠤ ᠶᠢ ᠲᠡᠳᠬᠦᠬᠦ ᠬᠢᠨᠠᠯᠲᠠ ᠪᠣᠳᠣᠯᠲᠠ ᠳᠤ ᠢᠯᠡᠳᠲᠡ ᠦᠷ᠎ᠡ ᠪᠦᠲᠦᠮᠵᠢ ᠣᠯᠵᠤ᠂ ᠨᠡᠯᠢᠶᠡᠳ ᠰᠠᠶᠢᠨ | ᠬᠢᠨᠠᠯᠲᠠ ᠲᠠᠯᠪᠢᠵᠤ ᠪᠠᠲᠤᠯᠠᠬᠤ ᠦᠢᠯᠡᠳᠦᠯ ᠢ ᠪᠠᠳᠠᠷᠠᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠤᠯᠤᠰ ᠤᠨ ᠬᠢᠨᠠᠨ | ᠪᠣᠳᠣᠬᠤ ᠵᠠᠬᠢᠷᠭ᠎ᠠ ᠶᠢᠨ ᠭᠦᠢᠴᠡᠳ ᠨᠤᠲᠠᠯᠠᠯᠲᠠ ᠶᠢ ᠣᠯᠪᠠ᠃ 2016 ᠣᠨ ᠠᠴᠠ 2018 ᠣᠨ ᠤ ᠰᠡᠭᠦᠯᠴᠢ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠬᠢᠨᠠᠨ | ᠪᠣᠳᠣᠬᠤ ᠲᠢᠩᠬᠢᠮ ᠠᠴᠠ ᠨᠢᠭᠡᠳᠦᠯᠲᠡᠢ ᠵᠣᠬᠢᠶᠠᠨ ᠪᠠᠶᠢᠭᠤᠯᠵᠤ᠂ ᠲᠢᠩᠬᠢᠮ ᠤᠨ ᠲᠤᠰ ᠱᠠᠲᠤ ᠪᠠ ᠠᠶᠢᠮᠠᠭ ᠬᠤᠲᠠ ᠬᠤᠰᠢᠭᠤ ᠰᠢᠶᠠᠨ ᠭᠤᠷᠪᠠᠨ ᠱᠠᠲᠤᠨ ᠤ ᠬᠢᠨᠠᠨ | ᠪᠣᠳᠣᠬᠤ ᠡᠬᠢ ᠪᠠᠶᠠᠯᠢᠭ ᠢ ᠨᠡᠶᠢᠯᠡᠭᠦᠯᠦᠨ ᠨᠢᠭᠡᠳᠬᠡᠵᠦ᠂ 1000 ᠭᠠᠷᠤᠢ ᠬᠥᠮᠥᠨ ᠢ ᠰᠤᠭᠤᠴᠢᠨ ᠲᠣᠬᠢᠷᠠᠭᠤᠯᠵᠤ᠂ ︽ᠳᠡᠭᠡᠳᠦ ᠱᠠᠲᠤ ᠨᠢ ᠳᠣᠣᠷᠠᠳᠤ ᠱᠠᠲᠤ ᠪᠠᠨ | ᠬᠢᠨᠠᠬᠤ︾ ᠵᠣᠬᠢᠶᠠᠨ ᠪᠠᠶᠢᠭᠤᠯᠬᠤ ᠬᠡᠯᠪᠡᠷᠢ ᠪᠠᠷ᠂ ︽ᠨᠢᠭᠡᠳᠦᠯᠲᠡᠢ ᠪᠠᠷ ᠲᠥᠯᠥᠪᠯᠡᠬᠦ᠂ ᠨᠢᠭᠡᠳᠦᠯᠲᠡᠢ ᠪᠠᠷ ᠲᠥᠰᠥᠯ ᠲᠣᠭᠲᠠᠭᠠᠬᠤ᠂ ᠨᠢᠭᠡᠳᠦᠯᠲᠡᠢ ᠪᠠᠷ ᠵᠣᠬᠢᠶᠠᠨ | ᠪᠠᠶᠢᠭᠤᠯᠤᠨ ᠬᠡᠷᠡᠭᠵᠢᠭᠦᠯᠬᠦ᠂ ᠨᠢᠭᠡᠳᠦᠯᠲᠡᠢ ᠪᠠᠷ ᠢᠯᠭᠠᠨ ᠲᠣᠭᠲᠠᠭᠠᠵᠤ ᠰᠢᠢᠳᠪᠦᠷᠢᠯᠡᠬᠦ᠂ ᠨᠢᠭᠡᠳᠦᠯᠲᠡᠢ ᠪᠠᠷ ᠳᠠᠩᠰᠠᠯᠠᠨ ᠲᠡᠮᠳᠡᠭᠯᠡᠬᠦ︾ ᠬᠢᠨᠠᠨ ᠪᠣᠳᠣᠬᠤ ᠠᠷᠭ᠎ᠠ | ᠬᠡᠯᠪᠡᠷᠢ ᠶᠢ ᠬᠡᠷᠡᠭᠵᠢᠭᠦᠯᠵᠦ᠂ ᠨᠡᠶᠢᠲᠡ 120 ᠬᠤᠰᠢᠭᠤ ᠰᠢᠶᠠᠨ ᠳᠤ ᠮᠥᠷᠳᠡᠨ ᠬᠢᠨᠠᠯᠲᠠ ᠪᠣᠳᠣᠯᠲᠠ ᠬᠢᠵᠦ᠂ 3100 ᠭᠠᠷᠤᠢ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠪᠠ ᠵᠣᠭᠤᠰ ᠬᠡᠷᠡᠭᠯᠡᠬᠦ ᠨᠢᠭᠡᠴᠢ ᠶᠢ ᠬᠢᠨᠠᠨ ᠪᠣᠳᠣᠵᠤ᠂ ᠶᠠᠳᠠᠭᠤ ᠶᠢ ᠲᠡᠳᠬᠦᠬᠦ 5200 ᠭᠠᠷᠤᠢ ᠲᠥᠷᠥᠯ ᠵᠦᠢᠯ ᠢ ᠤᠷᠲᠤᠳᠬᠠᠨ ᠬᠢᠨᠠᠨ ᠪᠣᠳᠣᠬᠤ ᠪᠠ | ᠪᠠᠶᠢᠴᠠᠭᠠᠯᠲᠠ ᠬᠢᠵᠦ᠂ 1.3 ᠲᠦᠮᠡᠨ ᠡᠷᠦᠭᠡ ᠳᠤ ᠣᠷᠣᠵᠤ ᠪᠠᠶᠢᠴᠠᠭᠠᠯᠲᠠ ᠬᠢᠵᠦ᠂ ᠶᠠᠳᠠᠭᠤ ᠬᠦᠴᠢᠷᠲᠡᠢ 57 ᠬᠤᠰᠢᠭᠤ ᠰᠢᠶᠠᠨ ᠤ ᠶᠠᠳᠠᠭᠤ ᠶᠢ ᠲᠡᠳᠬᠦᠬᠦ ᠪᠡᠯᠡ | ᠮᠥᠩᠭᠦ ᠳᠤ ᠬᠢᠨᠠᠯᠲᠠ ᠪᠣᠳᠣᠯᠲᠠ ᠬᠢᠬᠦ ᠶᠢ ᠪᠦᠬᠦ ᠲᠠᠯ᠎ᠠ ᠪᠠᠷ ᠬᠠᠮᠤᠷᠤᠭᠤᠯᠪᠠ᠃ ᠡᠭᠦᠨ ᠤ ᠬᠠᠮᠲᠤ 14 ᠬᠤᠰᠢᠭᠤ ᠰᠢᠶᠠᠨ ᠤ ᠬᠢᠨᠠᠨ ᠪᠣᠳᠣᠵᠤ ᠴᠡᠭᠴᠡᠯᠡᠨ | ᠥᠭᠡᠷᠡᠴᠢᠯᠡᠭᠰᠡᠨ ᠪᠠᠶᠢᠳᠠᠯ ᠳᠤ ︽ᠪᠤᠴᠠᠵᠤ ᠪᠠᠶᠢᠴᠠᠭᠠᠨ ᠦᠵᠡᠬᠦ︾ ᠰᠢᠮᠳᠠᠭᠤᠯᠤᠨ ᠪᠠᠶᠢᠴᠠᠭᠠᠯᠲᠠ ᠬᠢᠪᠡ᠃ ᠬᠢᠨᠠᠨ ᠪᠣᠳᠣᠬᠤ ᠪᠠᠷ ᠳᠠᠮᠵᠢᠭᠤᠯᠤᠨ ᠬᠡᠰᠡᠭ ᠭᠠᠵᠠᠷ | ᠣᠷᠣᠨ᠂ ᠰᠠᠯᠠᠭ᠎ᠠ ᠮᠥᠴᠢᠷ ᠪᠠ ᠨᠢᠭᠡᠴᠢ ᠶᠢᠨ ᠶᠠᠳᠠᠭᠤ ᠶᠢ ᠲᠡᠳᠬᠦᠬᠦ ᠪᠡᠯᠡ ᠮᠥᠩᠭᠦ ᠶᠢ ᠬᠤᠪᠢᠶᠠᠷᠢᠯᠠᠨ ᠬᠠᠮᠢᠶᠠᠷᠴᠤ ᠬᠡᠷᠡᠭᠯᠡᠬᠦ᠂ ᠶᠠᠳᠠᠭᠤ ᠶᠢ ᠲᠡᠳᠬᠦᠬᠦ ᠲᠥᠷᠥᠯ | ᠵᠦᠢᠯ ᠤᠨ ᠪᠠᠶᠢᠭᠤᠯᠤᠯᠲᠠ ᠬᠠᠮᠢᠶᠠᠷᠤᠯᠲᠠ ᠬᠢᠭᠡᠳ ᠠᠵᠢᠯ ᠤᠨ ᠦᠷ᠎ᠡ ᠪᠦᠲᠦᠮᠵᠢ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠵᠠᠷᠢᠮ ᠠᠰᠠᠭᠤᠳᠠᠯ ᠣᠷᠣᠰᠢᠵᠤ ᠪᠠᠶᠢᠬᠤ ᠶᠢ ᠢᠯᠡᠷᠡᠭᠦᠯᠪᠡ᠃ ᠢᠯᠡᠷᠡᠭᠦᠯᠦᠭᠰᠡᠨ ᠠᠰᠠᠭᠤᠳᠠᠯ ᠳᠤ᠂ ᠬᠢᠨᠠᠨ ᠪᠣᠳᠣᠬᠤ | ᠲᠢᠩᠬᠢᠮ ᠠᠴᠠ ᠬᠠᠤᠯᠢ ᠲᠣᠭᠲᠠᠭᠠᠯ ᠶᠣᠰᠣᠭᠠᠷ ᠳᠥᠷᠪᠡᠨ ᠵᠦᠢᠯ ᠤᠨ ᠠᠷᠭ᠎ᠠ ᠬᠡᠮᠵᠢᠶ᠎ᠡ ᠠᠪᠴᠤ ᠰᠢᠢᠳᠪᠦᠷᠢᠯᠡᠪᠡ᠄ ᠨᠢᠭᠡ ᠳᠤ᠂ ᠡᠯ᠎ᠡ ᠭᠠᠵᠠᠷ ᠤᠨ ᠬᠢᠨ ᠢ | ᠰᠢᠮᠳᠠᠭᠤᠯᠤᠨ ᠴᠠᠭ ᠲᠤᠬᠠᠢ ᠳᠤ ᠨᠢ ᠴᠡᠭᠴᠡᠯᠡᠨ ᠥᠭᠡᠷᠡᠴᠢᠯᠡᠵᠦ᠂ ᠵᠠᠷᠢᠮ ᠨᠢ ᠰᠠᠭᠤᠳᠬᠠᠨ ᠠᠪᠤᠭᠰᠠᠨ ᠰᠤᠯᠠ ᠪᠡᠯᠡ ᠮᠥᠩᠭᠦ ᠶᠢ ᠠᠯᠢ ᠲᠦᠷᠭᠡᠨ ᠢᠶᠠᠷ ᠰᠠᠯᠭᠠᠨ | ᠥᠭᠴᠦ᠂ ᠵᠠᠷᠢᠮ ᠨᠢ ᠪᠡᠯᠡ ᠮᠥᠩᠭᠦ ᠶᠢᠨ ᠤᠤᠯ ᠤᠨ ᠠᠷᠭ᠎ᠠ ᠵᠠᠮ ᠳᠤ ᠡᠷᠭᠢᠭᠦᠯᠦᠨ ᠪᠤᠴᠠᠭᠠᠵᠤ᠂ ᠵᠠᠷᠢᠮ ᠨᠢ ᠴᠠᠭ ᠲᠤᠬᠠᠢ ᠳᠤ ᠨᠢ ᠤᠯᠤᠰ ᠤᠨ ᠬᠥᠮᠥᠷᠭᠡ ᠳᠤ | ᠲᠤᠰᠢᠶᠠᠭᠰᠠᠨ ᠤ ᠬᠠᠮᠲᠤ ᠶᠠᠳᠠᠭᠤ ᠶᠢ ᠲᠡᠳᠬᠦᠬᠦ ᠲᠥᠷᠥᠯ ᠲᠥᠷᠥᠯ ᠳᠤ ᠲᠣᠬᠢᠷᠠᠭᠤᠯᠤᠨ ᠬᠡᠷᠡᠭᠯᠡᠵᠦ᠂ ᠵᠠᠷᠢᠮ ᠨᠢ ᠲᠥᠷᠥᠯ ᠵᠦᠢᠯ ᠤᠨ ᠬᠡᠷᠡᠭᠵᠢᠭᠦᠯᠬᠦ ᠠᠬᠢᠴᠠ ᠪᠠᠨ | ᠲᠦᠷᠭᠡᠳᠬᠡᠨ᠂ ᠪᠡᠯᠡ ᠮᠥᠩᠭᠦ ᠶᠢ ᠴᠠᠭ ᠲᠤᠬᠠᠢ ᠳᠤ ᠨᠢ ᠭᠦᠢᠴᠡᠳ ᠣᠯᠭᠤᠬᠤ ᠶᠢ ᠠᠬᠢᠭᠤᠯᠵᠤ᠂ ᠦᠯᠡᠳᠡᠭᠡᠨ ᠬᠠᠳᠠᠭᠠᠯᠠᠵᠤ ᠳ᠋ᠦᠩᠨᠡᠨ ᠰᠢᠯᠵᠢᠭᠦᠯᠦᠭᠰᠡᠨ ᠪᠡᠯᠡ | ᠮᠥᠩᠭᠦ ᠶᠢ ᠳᠠᠬᠢᠨ ᠭᠦᠢᠯᠭᠡᠭᠡᠨ ᠲᠠᠢ ᠪᠣᠯᠭᠠᠵᠤ᠂ ᠶᠠᠳᠠᠭᠤ ᠶᠢ ᠲᠡᠳᠬᠦᠬᠦ ᠪᠡᠯᠡ ᠮᠥᠩᠭᠦ ᠵᠢᠴᠢ ᠲᠥᠷᠥᠯ ᠵᠦᠢᠯ ᠤᠨ ᠠᠵᠢᠯ ᠤᠨ ᠦᠷ᠎ᠡ ᠪᠦᠲᠦᠮᠵᠢ ᠶᠢ | ᠳᠡᠭᠡᠭᠰᠢᠯᠡᠭᠦᠯᠵᠡᠢ᠃ | ᠬᠤᠶᠠᠷ ᠲᠤ᠂ ᠶᠠᠳᠠᠭᠤ ᠶᠢ ᠲᠡᠳᠬᠦᠬᠦ ᠬᠦᠷᠢᠶ᠎ᠡ ᠴᠠᠷᠠᠭᠠᠨ ᠳᠠᠬᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠢᠶᠠᠷ ᠬᠦᠷᠦᠯᠴᠡᠬᠦ ᠦᠭᠡᠢ ᠵᠡᠷᠭᠡ ᠬᠠᠮᠢᠶ᠎ᠠ | ᠪᠦᠬᠦᠢ ᠬᠠᠷᠢᠭᠤᠴᠠᠯᠭᠠᠲᠠᠨ ᠳᠤ ᠨᠠᠮ ᠤᠨ ᠰᠠᠬᠢᠯᠭ᠎ᠠ ᠵᠠᠰᠠᠭ ᠤᠨ ᠰᠠᠬᠢᠯᠭ᠎ᠠ ᠶᠢᠨ ᠰᠢᠢᠳᠬᠡᠯ ᠣᠯᠭᠤᠪᠠ᠃ ᠭᠤᠷᠪᠠ ᠳᠤ᠂ ᠶᠠᠳᠠᠭᠤ ᠶᠢ ᠲᠡᠳᠬᠦᠬᠦ ᠬᠦᠷᠢᠶ᠎ᠡ | ᠴᠠᠷᠠᠭᠠᠨ ᠳᠠᠬᠢ ᠳᠦᠷᠢᠮ ᠰᠠᠬᠢᠯᠭ᠎ᠠ ᠶᠢ ᠵᠥᠷᠢᠴᠡᠭᠰᠡᠨ ᠣᠯᠠᠨ ᠬᠡᠷᠡᠭ ᠤᠨ ᠰᠦᠪᠡᠭᠴᠢ ᠶᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠭᠰᠡᠨ ᠤ | ᠬᠠᠮᠲᠤ ᠬᠡᠷᠡᠭ ᠪᠣᠯᠭᠠᠨ ᠪᠠᠶᠢᠴᠠᠭᠠᠨ ᠰᠢᠢᠳᠪᠦᠷᠢᠯᠡᠵᠦ᠂ ᠰᠦᠷ ᠦᠵᠡᠭᠦᠯᠬᠦ ᠦᠢᠯᠡᠳᠦᠯ ᠦᠵᠡᠭᠦᠯᠪᠡ᠃ ᠳᠥᠷᠪᠡ ᠳᠤ᠂ ᠬᠢᠨᠠᠨ ᠪᠣᠳᠣᠵᠤ ᠢᠯᠡᠷᠡᠭᠦᠯᠦᠭᠰᠡᠨ | ᠨᠡᠶᠢᠳᠡᠮ ᠤᠨ ᠴᠢᠨᠠᠷᠲᠠᠢ᠂ ᠨᠡᠶᠢᠲᠡᠯᠢᠭ ᠴᠢᠨᠠᠷᠲᠠᠢ ᠠᠰᠠᠭᠤᠳᠠᠯ ᠳᠤ ᠴᠢᠭᠯᠡᠭᠦᠯᠦᠨ ᠪᠠᠶᠢᠭᠤᠯᠤᠯ ᠲᠣᠭᠲᠠᠴᠠ ᠪᠠ ᠳᠦᠷᠢᠮ ᠤᠨ ᠳᠡᠰ ᠳᠠᠪᠬᠤᠷᠭ᠎ᠠ ᠠᠴᠠ ᠰᠢᠯᠲᠠᠭᠠᠨ ᠢ ᠨᠢ | ᠵᠠᠳᠠᠯᠵᠤ᠂ ᠴᠢᠭᠯᠡᠯᠲᠦ ᠴᠢᠨᠠᠷᠲᠠᠢ ᠪᠠᠷ ᠬᠢᠨᠠᠨ ᠪᠣᠳᠣᠬᠤ ᠰᠠᠨᠠᠯ ᠰᠠᠨᠠᠭᠤᠯᠭ᠎ᠠ ᠶᠢ ᠳᠤᠷᠠᠳᠤᠨ ᠭᠠᠷᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ᠂ ᠨᠢᠭᠡᠴᠢ ᠶᠢᠨ ᠬᠢᠨ ᠤ | ᠬᠡᠳᠦᠨ ᠠᠷᠪᠠᠨ ᠵᠦᠢᠯ ᠤᠨ ᠳᠦᠷᠢᠮ ᠪᠠ ᠠᠷᠭ᠎ᠠ ᠶᠢ ᠲᠣᠭᠲᠠᠭᠠᠨ ᠲᠡᠭᠦᠯᠳᠡᠷᠵᠢᠭᠦᠯᠬᠦ ᠶᠢ ᠠᠬᠢᠭᠤᠯᠵᠠᠢ᠃ | ᠬᠥᠲᠥᠯᠥᠭᠴᠢ᠄ | ᠵᠠᠩ ᠲᠢᠩᠬᠢᠮ ᠤᠨ ᠳᠠᠷᠤᠭ᠎ᠠ ᠶᠢᠨ ᠲᠠᠨᠢᠯᠴᠠᠭᠤᠯᠭ᠎ᠠ ᠪᠠᠷ ᠳᠠᠮᠵᠢᠭᠤᠯᠤᠨ᠂ ᠪᠢᠳᠡ ᠬᠢᠨᠠᠯᠲᠠ ᠪᠣᠳᠣᠯᠲᠠ ᠶᠢᠨ ᠶᠠᠳᠠᠭᠤ ᠶᠢ ᠲᠡᠳᠬᠦᠨ ᠰᠢᠪᠲᠤᠯᠤᠯᠲᠠ ᠬᠢᠬᠦ | ᠳᠤᠮᠳᠠ ᠲᠣᠪᠣᠶᠢᠮ᠎ᠠ ᠦᠷ᠎ᠡ ᠪᠦᠲᠦᠮᠵᠢ ᠲᠠᠢ ᠪᠠᠷ ᠬᠠᠩᠭᠠᠨ ᠪᠠᠲᠤᠯᠠᠵᠤ ᠬᠢᠨᠠᠯᠲᠠ ᠲᠠᠯᠪᠢᠬᠤ ᠦᠢᠯᠡᠳᠦᠯ ᠦᠵᠡᠭᠦᠯᠦᠭᠰᠡᠨ ᠲᠤᠬᠠᠢ ᠣᠶᠢᠯᠠᠭᠠᠯᠲᠠ ᠲᠠᠢ ᠪᠣᠯᠪᠠ᠃ | ᠭᠡᠲᠡᠯ᠎ᠡ ᠮᠠᠰᠢ ᠣᠯᠠᠨ ᠰᠦᠯᠵᠢᠶᠡᠨ ᠤ ᠠᠨᠳᠠ ᠮᠥᠨ ᠬᠦ ᠬᠢᠨᠠᠨ ᠪᠣᠳᠣᠵᠤ ᠬᠢᠨᠠᠯᠲᠠ ᠲᠠᠯᠪᠢᠬᠤ ᠠᠷᠭ᠎ᠠ ᠪᠠᠷᠢᠯ᠂ ᠠᠷᠭ᠎ᠠ ᠬᠡᠮᠵᠢᠶ᠎ᠡ ᠶᠢ ᠣᠶᠢᠯᠠᠭᠠᠬᠤ ᠦᠭᠡᠢ ᠪᠠᠶᠢᠵᠤ | ᠮᠡᠳᠡᠨ᠎ᠡ᠂ ᠲᠠ ᠡᠨᠡ ᠲᠠᠯ᠎ᠠ ᠪᠠᠷ ᠪᠣᠳᠠᠲᠠᠢ ᠪᠠᠷ ᠲᠠᠨᠢᠯᠴᠠᠭᠤᠯᠤᠭᠠᠳ ᠥᠭᠭᠦᠨ᠎ᠡ | ᠦᠦ︖ | ᠵᠠᠩ ᠯᠢᠶᠠᠩ᠄ | ᠲᠡᠭᠡᠶ᠎ᠡ᠃ ᠬᠢᠨᠠᠨ ᠪᠣᠳᠣᠬᠤ ᠪᠣᠯ ᠶᠠᠪᠤᠴᠠ ᠪᠠ ᠠᠷᠭ᠎ᠠ ᠪᠠᠷᠢᠯ ᠪᠣᠯᠣᠨ᠎ᠠ︔ ᠠᠰᠠᠭᠤᠳᠠᠯ ᠢ ᠴᠡᠭᠴᠡᠯᠡᠨ ᠥᠭᠡᠷᠡᠴᠢᠯᠡᠬᠦ ᠶᠢ ᠠᠬᠢᠭᠤᠯᠬᠤ ᠨᠢ ᠰᠠᠶ᠋ᠢ ᠬᠠᠷᠠᠯᠲᠠ ᠪᠠ | ᠦᠷ᠎ᠡ ᠳ᠋ᠦᠩ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ ᠲᠥᠪ ᠤᠨ ᠬᠢᠨᠠᠨ ᠪᠣᠳᠣᠬᠤ ᠵᠥᠪᠯᠡᠯ ᠤᠨ ᠠᠩᠬᠠᠳᠤᠭᠠᠷ ᠤᠳᠠᠭᠠᠨ ᠤ ᠬᠤᠷᠠᠯ ᠳᠡᠭᠡᠷ᠎ᠡ᠄ ᠬᠢᠨᠠᠨ | ᠪᠣᠳᠣᠬᠤ ᠪᠣᠯ ᠨᠠᠮ ᠪᠠ ᠤᠯᠤᠰ ᠤᠨ ᠬᠢᠨᠠᠯᠲᠠ ᠲᠠᠯᠪᠢᠬᠤ ᠰᠢᠰᠲ᠋ᠧᠮᠵᠢ ᠶᠢᠨ ᠴᠢᠬᠤᠯᠠ ᠪᠦᠷᠢᠯᠳᠦᠬᠦᠨ ᠬᠡᠰᠡᠭ ᠪᠣᠯᠣᠨ᠎ᠠ᠃ ᠬᠢᠨᠠᠨ ᠪᠣᠳᠣᠬᠤ ᠡᠬᠢ ᠪᠠᠶᠠᠯᠢᠭ ᠤᠨ | ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠬᠢᠨᠠᠨ ᠪᠣᠳᠣᠪᠠᠰᠤ ᠵᠣᠬᠢᠬᠤ ᠶᠢ ᠨᠢ ᠪᠦᠬᠦᠨ ᠢ ᠬᠢᠨᠠᠨ ᠪᠣᠳᠣᠵᠤ᠂ ᠬᠢᠨᠠᠯᠲᠠ ᠪᠣᠳᠣᠯᠲᠠ ᠪᠦᠬᠦᠨ ᠢ ᠴᠢᠩᠭ᠎ᠠ ᠬᠡᠷᠡᠭᠵᠢᠭᠦᠯᠦᠨ | ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠶᠢ ᠭᠦᠢᠴᠡᠳᠬᠡᠵᠦ᠂ ᠲᠥᠪᠯᠡᠷᠡᠩᠭᠦᠢ ᠨᠢᠭᠡᠳᠦᠯᠲᠡᠢ᠂ ᠪᠦᠬᠦᠨ ᠢ ᠬᠠᠮᠤᠷᠤᠭᠰᠠᠨ᠂ ᠡᠷᠬᠡ ᠰᠦᠷ ᠲᠠᠢ ᠪᠥᠭᠡᠳ ᠪᠦᠲᠦᠮᠵᠢ | ᠰᠠᠶᠢᠲᠠᠢ ᠬᠢᠨᠠᠨ ᠪᠣᠳᠣᠵᠤ ᠬᠢᠨᠠᠯᠲᠠ ᠲᠠᠯᠪᠢᠬᠤ ᠰᠢᠰᠲ᠋ᠧᠮᠵᠢ ᠶᠢ ᠴᠢᠷᠮᠠᠶᠢᠨ ᠪᠠᠶᠢᠭᠤᠯᠵᠤ᠂ ᠨᠠᠮ ᠪᠠ ᠤᠯᠤᠰ ᠤᠨ ᠬᠢᠨᠠᠯᠲᠠ ᠲᠠᠯᠪᠢᠬᠤ ᠰᠢᠰᠲ᠋ᠧᠮᠵᠢ ᠳᠤᠮᠳᠠᠬᠢ ᠬᠢᠨᠠᠨ | ᠪᠣᠳᠣᠬᠤ ᠶᠢᠨ ᠴᠢᠬᠤᠯᠠ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠣᠨᠴᠠᠭᠠᠶᠢᠯᠠᠨ ᠡᠯ᠎ᠡ | ᠱᠠᠲᠤᠨ ᠤ ᠤᠳᠤᠷᠢᠳᠬᠤ ᠺᠠᠳ᠋ᠷᠴᠤᠳ ᠬᠢᠨᠠᠨ ᠪᠣᠳᠣᠬᠤ ᠠᠵᠢᠯ ᠢ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠳᠡᠮᠵᠢᠨ ᠬᠠᠮᠵᠢᠯᠴᠠᠵᠤ᠂ ᠬᠢᠨᠠᠨ ᠪᠣᠳᠣᠵᠤ | ᠬᠢᠨᠠᠯᠲᠠ ᠲᠠᠯᠪᠢᠬᠤ ᠶᠢ ᠬᠠᠤᠯᠢ ᠶᠣᠰᠣᠭᠠᠷ ᠤᠬᠠᠮᠰᠠᠷ ᠠᠴᠠ ᠪᠠᠨ ᠬᠦᠯᠢᠶᠡᠨ᠂ ᠬᠢᠨᠠᠯᠲᠠ ᠪᠣᠳᠣᠯᠲᠠ ᠳᠤ ᠪᠠᠶᠢᠴᠠᠭᠠᠨ ᠭᠠᠷᠭᠠᠭᠰᠠᠨ ᠠᠰᠠᠭᠤᠳᠠᠯ ᠢᠶᠠᠨ ᠬᠢᠨᠠᠮᠠᠭᠠᠢ | ᠴᠡᠭᠴᠡᠯᠡᠨ ᠥᠭᠡᠷᠡᠴᠢᠯᠡᠵᠦ᠂ ᠬᠢᠨᠠᠯᠲᠠ ᠪᠣᠳᠣᠯᠲᠠ ᠳᠤ ᠳᠤᠷᠠᠳᠤᠨ ᠭᠠᠷᠭᠠᠭᠰᠠᠨ ᠰᠠᠨᠠᠭᠤᠯᠭ᠎ᠠ ᠶᠢ ᠭᠦᠨᠵᠡᠭᠡᠢ ᠰᠤᠳᠤᠯᠬᠤ ᠪᠠ ᠬᠡᠷᠡᠭᠯᠡᠵᠦ᠂ ᠡᠯ᠎ᠡ ᠬᠦᠷᠢᠶ᠎ᠡ ᠴᠠᠷᠠᠭᠠᠨ ᠤ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠳᠦᠷᠢᠮ ᠭᠤᠷᠢᠮ ᠢ ᠲᠡᠭᠦᠯᠳᠡᠷᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠣᠶᠢᠷ᠎ᠠ ᠶᠢᠨ ᠵᠢᠯ ᠤᠳ ᠠᠴᠠ ᠨᠠᠭᠠᠰᠢ᠂ | ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠠᠴᠠ ᠬᠢᠨᠠᠯᠲᠠ ᠪᠣᠳᠣᠯᠲᠠ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠥᠭᠡᠷᠡᠴᠢᠯᠡᠬᠦ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠣᠨᠴᠠᠭᠠᠶᠢᠯᠠᠨ ᠶᠠᠳᠠᠭᠤ ᠶᠢ ᠲᠡᠳᠬᠦᠬᠦ ᠬᠦᠷᠢᠶ᠎ᠡ ᠴᠠᠷᠠᠭ᠎ᠠ ᠳᠤ᠂ ᠣᠯᠠᠨ ᠵᠦᠢᠯ ᠤᠨ ᠠᠷᠭ᠎ᠠ ᠪᠠᠷᠢᠯ ᠪᠠ ᠠᠷᠭ᠎ᠠ ᠬᠡᠮᠵᠢᠶ᠎ᠡ | ᠠᠪᠴᠤ ᠪᠠᠶᠢᠭᠠᠳ ᠴᠡᠭᠴᠡᠯᠡᠨ ᠥᠭᠡᠷᠡᠴᠢᠯᠡᠬᠦ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠠᠢ᠃ | ᠨᠢᠭᠡ ᠳᠤ᠂ ᠬᠢᠨᠠᠯᠲᠠ ᠪᠣᠳᠣᠯᠲᠠ ᠳᠤ ᠢᠯᠡᠷᠡᠭᠦᠯᠦᠭᠰᠡᠨ ᠠᠰᠠᠭᠤᠳᠠᠯ ᠳᠤ᠂ ᠡᠯ᠎ᠡ ᠬᠤᠰᠢᠭᠤ ᠰᠢᠶᠠᠨ ᠤ ᠵᠠᠰᠠᠭ ᠤᠨ ᠣᠷᠳᠣᠨ ᠠᠴᠠ ᠪᠠᠶᠢᠴᠠᠭᠠᠯᠲᠠ ᠬᠢᠬᠦ ᠶᠢᠨ ᠳᠠᠭᠠᠤ | ᠴᠡᠭᠴᠡᠯᠡᠨ ᠥᠭᠡᠷᠡᠴᠢᠯᠡᠵᠦ᠂ ᠰᠠᠭᠤᠳᠬᠠᠨ ᠦᠯᠡᠳᠡᠭᠡᠭᠰᠡᠨ ᠰᠤᠯᠠ ᠪᠡᠯᠡ ᠮᠥᠩᠭᠦ ᠶᠢ ᠰᠠᠯᠭᠠᠨ ᠥᠭᠴᠦ᠂ ᠪᠡᠯᠡ ᠮᠥᠩᠭᠦ ᠶᠢᠨ ᠤᠤᠯ ᠤᠨ ᠠᠷᠭ᠎ᠠ ᠵᠠᠮ ᠳᠤ ᠡᠷᠭᠢᠭᠦᠯᠦᠨ | ᠪᠤᠴᠠᠭᠠᠵᠤ᠂ ᠤᠯᠤᠰ ᠤᠨ ᠬᠥᠮᠥᠷᠭᠡ ᠳᠤ ᠲᠤᠰᠢᠶᠠᠵᠤ ᠳᠠᠬᠢᠨ ᠶᠠᠳᠠᠭᠤ ᠶᠢ ᠲᠡᠳᠬᠦᠬᠦ ᠲᠥᠷᠥᠯ ᠵᠦᠢᠯ ᠳᠤ ᠲᠣᠬᠢᠷᠠᠭᠤᠯᠤᠨ ᠬᠡᠷᠡᠭᠯᠡᠬᠦ ᠬᠡᠷᠡᠭᠲᠡᠢ ᠭᠡᠵᠦ ᠱᠠᠭᠠᠷᠳᠠᠪᠠ᠃ | ᠬᠤᠶᠠᠷ ᠲᠤ᠂ ᠳᠠᠷᠤᠢ ᠳᠤ ᠨᠢ ᠬᠡᠷᠡᠭᠵᠢᠭᠦᠯᠦᠨ ᠳᠠᠷᠤᠢ ᠳᠤ ᠨᠢ ᠥᠭᠡᠷᠡᠴᠢᠯᠡᠵᠦ ᠳᠡᠶᠢᠯᠬᠦ ᠦᠭᠡᠢ ᠪᠣᠯ᠂ ᠬᠢᠨᠠᠨ ᠪᠣᠳᠣᠬᠤ ᠲᠣᠭᠲᠠᠭᠠᠯ ᠭᠠᠷᠭᠠᠵᠤ ᠬᠤᠭᠤᠴᠠᠭ᠎ᠠ | ᠲᠣᠭᠲᠠᠭᠠᠨ ᠴᠡᠭᠴᠡᠯᠡᠨ ᠥᠭᠡᠷᠡᠴᠢᠯᠡᠭᠦᠯᠬᠦ ᠶᠢᠨ ᠬᠠᠮᠲᠤ᠂ ︽ᠪᠤᠴᠠᠵᠤ ᠪᠠᠶᠢᠴᠠᠭᠠᠨ ᠦᠵᠡᠬᠦ︾ ᠶᠢ ᠴᠠᠭ ᠲᠤᠬᠠᠢ ᠳᠤ ᠨᠢ ᠵᠣᠬᠢᠶᠠᠨ ᠪᠠᠶᠢᠭᠤᠯᠵᠤ ᠪᠠᠶᠢᠭᠠᠳ | ᠰᠢᠮᠳᠠᠭᠤᠯᠤᠨ ᠪᠠᠶᠢᠴᠠᠭᠠᠵᠠᠢ᠃ | ᠭᠤᠷᠪᠠ ᠳᠤ᠂ ᠬᠢᠨᠠᠨ ᠪᠣᠳᠣᠬᠤ ᠶᠠᠪᠤᠴᠠ ᠳᠤ ᠢᠯᠡᠷᠡᠭᠦᠯᠦᠭᠰᠡᠨ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠢᠶᠠᠷ ᠬᠦᠷᠦᠯᠴᠡᠬᠦ ᠦᠭᠡᠢ ᠠᠰᠠᠭᠤᠳᠠᠯ ᠳᠤ᠂ | ᠵᠠᠰᠠᠭ ᠤᠨ ᠣᠷᠳᠣᠨ ᠵᠢᠴᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ ᠬᠠᠷᠢᠭᠤᠴᠠᠯᠭ᠎ᠠ ᠨᠡᠬᠡᠮᠵᠢᠯᠡᠪᠡ᠃ | ᠳᠥᠷᠪᠡ ᠳᠤ᠂ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠠᠰᠠᠭᠤᠳᠠᠯ ᠤᠨ ᠰᠦᠪᠡᠭᠴᠢ ᠳᠤ ᠬᠤᠯᠪᠣᠭᠳᠠᠭᠰᠠᠨ ᠢᠶᠠᠷ ᠰᠡᠵᠢᠯᠡᠭᠳᠡᠭᠰᠡᠨ ᠪᠣᠯ᠂ | ᠰᠠᠬᠢᠯᠭ᠎ᠠ ᠪᠠᠲᠤ ᠪᠠᠶᠢᠴᠠᠭᠠᠵᠤ ᠬᠢᠨᠠᠨ ᠪᠠᠶᠢᠴᠠᠭᠠᠵᠤ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ ᠪᠠᠶᠢᠴᠠᠭᠠᠨ ᠰᠢᠢᠳᠪᠦᠷᠢᠯᠡᠪᠡ᠃ | ᠲᠠᠪᠤ ᠳᠤ᠂ ᠢᠯᠡᠷᠡᠭᠦᠯᠦᠭᠰᠡᠨ ᠨᠡᠶᠢᠲᠡᠴᠢ ᠴᠢᠨᠠᠷᠲᠠᠢ᠂ ᠲᠦᠭᠡᠮᠡᠯ ᠴᠢᠨᠠᠷᠲᠠᠢ ᠠᠰᠠᠭᠤᠳᠠᠯ ᠳᠤ᠂ ᠬᠢᠨᠠᠨ ᠪᠣᠳᠣᠬᠤ ᠰᠠᠨᠠᠭᠤᠯᠭ᠎ᠠ ᠳᠤᠷᠠᠳᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠲᠤ ᠲᠤᠰᠢᠶᠠᠨ ᠳᠦᠷᠢᠮ ᠲᠣᠭᠲᠠᠭᠠᠯ ᠢ ᠲᠡᠭᠦᠯᠳᠡᠷᠵᠢᠭᠦᠯᠵᠦ᠂ ᠠᠯᠳᠠᠭᠳᠠᠯ ᠳᠤᠲᠠᠭᠳᠠᠯ ᠢ ᠨᠢ ᠨᠥᠬᠦᠪᠦᠷᠢᠯᠡᠪᠡ᠃ | ᠬᠥᠲᠥᠯᠥᠭᠴᠢ᠄ | 2019 ᠣᠨ ᠪᠣᠯ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠵᠠᠩᠭᠢᠯᠠᠭ᠎ᠠ ᠶᠢᠨ ᠵᠢᠯ ᠪᠣᠯᠣᠨ᠎ᠠ᠂ | ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠤᠨ ᠡᠨᠡ ᠵᠢᠯ ᠤᠨ ᠶᠠᠳᠠᠭᠤ ᠶᠢ ᠲᠡᠳᠬᠦᠬᠦ ᠬᠢᠨᠠᠯᠲᠠ ᠪᠣᠳᠣᠯᠲᠠ ᠶᠢᠨ ᠠᠵᠢᠯ ᠳᠤ ᠶᠠᠮᠠᠷ ᠶᠠᠮᠠᠷ ᠰᠢᠨ᠎ᠡ | ᠠᠷᠭ᠎ᠠ ᠬᠡᠮᠵᠢᠶ᠎ᠡ ᠪᠠᠶᠢᠬᠤ ᠪᠣᠢ︖ | ᠵᠠᠩ ᠯᠢᠶᠠᠩ᠄ | 2019 ᠣᠨ ᠳᠤ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠠᠴᠠ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ | ᠥᠭᠦᠯᠡᠯᠲᠡ ᠪᠠᠷ ᠦᠨᠳᠦᠰᠦᠨ ᠵᠢᠷᠤᠮᠯᠠᠯ ᠪᠣᠯᠭᠠᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠶᠠᠳᠠᠭᠤ ᠶᠢ ᠲᠡᠳᠬᠦᠬᠦ | ᠰᠢᠪᠲᠤᠯᠤᠯᠲᠠ ᠶᠢᠨ ᠳᠠᠶᠢᠯᠠᠯᠳᠤᠭᠠᠨ ᠢ ᠯᠠᠪᠳᠠᠭᠤᠨ ᠪᠠᠲᠤᠲᠠᠢ ᠪᠠᠷ ᠠᠬᠢᠭᠤᠯᠬᠤ ᠲᠤᠬᠠᠢ ᠱᠠᠭᠠᠷᠳᠠᠯᠭ᠎ᠠ ᠶᠣᠰᠣᠭᠠᠷ᠂ ᠲᠤᠶᠢᠯ ᠤᠨ ᠣᠨᠣᠪᠴᠢᠲᠠᠢ ᠪᠠᠷ ᠶᠠᠳᠠᠭᠤ ᠶᠢ | ᠲᠡᠳᠬᠦᠬᠦ᠂ ᠲᠤᠶᠢᠯ ᠤᠨ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠠᠷᠭ᠎ᠠ ᠪᠣᠳᠣᠯᠭ᠎ᠠ ᠶᠢᠨ ᠲᠣᠭᠤᠷᠢᠨ ᠳᠤ᠂ ᠠᠵᠢᠯ ᠤᠨ ᠡᠷᠴᠢᠮ ᠢᠶᠠᠨ | ᠤᠯᠠᠮ ᠨᠢᠭᠡ ᠠᠯᠬᠤᠮ ᠴᠢᠩᠭᠠᠷᠠᠭᠤᠯᠵᠤ᠂ ᠲᠥᠪᠯᠡᠷᠡᠯ ᠤᠨ ᠴᠡᠭ ᠢᠶᠠᠨ ᠠᠯᠳᠠᠬᠤ ᠦᠭᠡᠢ᠂ ᠭᠤᠣᠯᠳᠠᠯᠭ᠎ᠠ ᠪᠠᠨ ᠬᠤᠪᠢᠷᠠᠭᠤᠯᠬᠤ ᠦᠭᠡᠢ᠂ ᠶᠠᠳᠠᠭᠤ ᠶᠢ ᠲᠡᠳᠬᠦᠬᠦ ᠪᠡᠯᠡ | ᠮᠥᠩᠭᠦ ᠶᠢᠨ ᠬᠢᠨᠠᠯᠲᠠ ᠪᠣᠳᠣᠯᠲᠠ ᠶᠢ ᠪᠦᠬᠦ ᠲᠠᠯ᠎ᠠ ᠪᠠᠷ ᠬᠠᠮᠤᠷᠤᠭᠤᠯᠬᠤ ᠶᠢ ᠦᠷᠭᠦᠯᠵᠢᠯᠡᠨ ᠥᠷᠨᠢᠭᠦᠯᠬᠦ ᠶᠢᠨ ᠬᠠᠮᠲᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠠᠷ 365赢多少钱会被限额_国内有真正的365平台吗_365bet博彩官网 | ᠨᠢᠭᠡ ᠵᠦᠢᠯ ᠤᠨ ᠴᠢᠬᠤᠯᠠ ᠠᠭᠤᠯᠭ᠎ᠠ ᠪᠣᠯᠭᠠᠨ ᠨᠠᠮ ᠵᠠᠰᠠᠭ ᠤᠨ ᠤᠳᠤᠷᠢᠳᠬᠤ ᠺᠠᠳ᠋ᠷ ᠤᠨ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠯᠲᠠ ᠪᠣᠳᠣᠯᠲᠠ ᠳᠤ | ᠣᠷᠣᠭᠤᠯᠤᠨ ᠬᠠᠮᠲᠤ ᠳᠤ ᠨᠢ ᠥᠷᠨᠢᠭᠦᠯᠦᠨ᠎ᠡ᠃ | ᠨᠢᠭᠡ ᠳᠤ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠬᠢᠨᠠᠯᠲᠠ ᠪᠣᠳᠣᠯᠲᠠ ᠶᠢ ᠪᠦᠬᠦ ᠲᠠᠯ᠎ᠠ ᠪᠠᠷ ᠬᠠᠮᠤᠷᠤᠭᠤᠯᠬᠤ ᠶᠢ ᠦᠷᠭᠦᠯᠵᠢᠯᠡᠨ ᠥᠷᠨᠢᠭᠦᠯᠦᠨ᠎ᠡ᠃ | ᠶᠠᠳᠠᠭᠤ ᠶᠢ ᠲᠡᠳᠬᠦᠬᠦ ᠡᠲᠡᠭᠡᠳ ᠲᠤ ᠬᠢᠨᠠᠨ ᠪᠣᠳᠣᠬᠤ ᠶᠢ ᠪᠦᠬᠦ ᠲᠠᠯ᠎ᠠ ᠪᠠᠷ ᠬᠠᠮᠤᠷᠤᠭᠤᠯᠬᠤ ᠶᠢ ᠪᠡᠶᠡᠯᠡᠭᠦᠯᠦᠨ᠎ᠡ᠃ ᠶᠠᠳᠠᠭᠤ ᠶᠢ ᠲᠡᠳᠬᠦᠬᠦ ᠪᠡᠯᠡ ᠮᠥᠩᠭᠦ ᠶᠢ | ᠬᠤᠪᠢᠶᠠᠷᠢᠯᠠᠨ ᠬᠠᠮᠢᠶᠠᠷᠴᠤ ᠬᠡᠷᠡᠭᠯᠡᠬᠦ ᠰᠠᠯᠠᠭ᠎ᠠ ᠮᠥᠴᠢᠷ ᠪᠠ ᠨᠢᠭᠡᠴᠢ ᠠᠴᠠ᠂ ᠮᠠᠯᠴᠢᠨ ᠲᠠᠷᠢᠶᠠᠴᠢᠨ ᠳᠤ ᠬᠤᠯᠪᠣᠭᠳᠠᠭᠰᠠᠨ ᠪᠡᠯᠡ ᠮᠥᠩᠭᠦ ᠶᠢ ᠨᠡᠶᠢᠯᠡᠭᠦᠯᠦᠨ ᠨᠢᠭᠡᠳᠬᠡᠵᠦ | ᠶᠠᠳᠠᠭᠤ ᠶᠢ ᠲᠡᠳᠬᠦᠬᠦ ᠲᠥᠷᠥᠯ ᠵᠦᠢᠯ ᠳᠤ ᠬᠡᠷᠡᠭᠯᠡᠬᠦ ᠰᠠᠯᠠᠭ᠎ᠠ ᠮᠥᠴᠢᠷ ᠪᠠ ᠨᠢᠭᠡᠴᠢ ᠳᠤ ᠬᠦᠷᠲᠡᠯ᠎ᠡ ᠬᠥᠨᠳᠡᠯᠡᠨ ᠴᠢᠭᠯᠡᠯ ᠢᠶᠠᠷ ᠬᠠᠮᠤᠷᠤᠭᠤᠯᠬᠤ ᠶᠢ ᠪᠡᠶᠡᠯᠡᠭᠦᠯᠦᠨ᠎ᠡ᠃ | ᠬᠤᠲᠠ ᠰᠢᠶᠠᠨ ᠤ ᠳᠡᠰ ᠤᠨ ᠵᠠᠰᠠᠭ ᠤᠨ ᠣᠷᠳᠣᠨ ᠠᠴᠠ ᠰᠠᠯᠠᠭ᠎ᠠ ᠮᠥᠴᠢᠷ᠂ ᠰᠢᠶᠠᠩ ᠪᠠᠯᠭᠠᠰᠤ᠂ ᠭᠠᠴᠠᠭ᠎ᠠ ᠲᠣᠰᠬᠤᠨ ᠵᠢᠴᠢ ᠲᠥᠷᠥᠯ ᠵᠦᠢᠯ ᠢ ᠬᠠᠮᠤᠷᠤᠭᠤᠯᠤᠭᠰᠠᠨ | ᠮᠠᠯᠴᠢᠨ ᠲᠠᠷᠢᠶᠠᠴᠢᠨ ᠡᠷᠦᠬᠡ ᠳᠤ ᠬᠦᠷᠲᠡᠯ᠎ᠡ᠂ ᠭᠤᠯᠳᠤ ᠴᠢᠭᠯᠡᠯ ᠢᠶᠠᠷ ᠬᠠᠮᠤᠷᠤᠭᠤᠯᠬᠤ ᠶᠢ ᠪᠡᠶᠡᠯᠡᠭᠦᠯᠬᠦ ᠶᠢᠨ ᠬᠠᠮᠲᠤ᠂ ᠪᠡᠭᠡᠵᠢᠩ ᠥᠪᠥᠷ ᠮᠣᠩᠭᠤᠯ ᠤᠨ ᠶᠠᠳᠠᠭᠤ ᠶᠢ | ᠲᠡᠳᠬᠦᠬᠦ ᠪᠡᠯᠡ ᠮᠥᠩᠭᠦ ᠶᠢᠨ ᠲᠥᠷᠥᠯ ᠵᠦᠢᠯ ᠢ ᠬᠢᠨᠠᠨ ᠪᠣᠳᠣᠬᠤ ᠬᠡᠪᠴᠢᠶᠡᠨ ᠳᠤ ᠣᠷᠣᠭᠤᠯᠵᠤ ᠨᠢᠭᠡ ᠴᠣᠭᠴᠠᠵᠢᠭᠤᠯᠤᠨ ᠬᠢᠨᠠᠯᠲᠠ ᠪᠣᠳᠣᠯᠲᠠ ᠬᠢᠨ᠎ᠡ᠃ ᠶᠠᠳᠠᠭᠤ | ᠬᠦᠴᠢᠷᠳᠡᠯᠲᠡᠢ ᠬᠤᠰᠢᠭᠤ ᠰᠢᠶᠠᠨ ᠳᠤ ᠬᠢᠨᠠᠨ ᠪᠣᠳᠣᠬᠤ ᠶᠢ ᠪᠦᠬᠦ ᠲᠠᠯ᠎ᠠ ᠪᠠᠷ ᠬᠠᠮᠤᠷᠤᠭᠤᠯᠬᠤ ᠶᠢ ᠪᠡᠶᠡᠯᠡᠭᠦᠯᠦᠨ᠎ᠡ᠃ ᠮᠠᠨ ᠤ ᠣᠷᠣᠨ ᠳᠤ ᠨᠡᠶᠢᠲᠡ 57 ᠶᠠᠳᠠᠭᠤ | ᠬᠦᠴᠢᠷᠳᠡᠯᠲᠡᠢ ᠬᠤᠰᠢᠭᠤ ᠰᠢᠶᠠᠨ ᠪᠠᠶᠢᠵᠤ᠂ 2016 ᠣᠨ ᠠᠴᠠ 2018 ᠣᠨ ᠪᠣᠯᠲᠠᠯ᠎ᠠ ᠮᠠᠨ ᠤ ᠲᠢᠩᠬᠢᠮ ᠠᠴᠠ ᠮᠥᠷᠳᠡᠨ ᠬᠢᠨᠠᠯᠲᠠ ᠪᠣᠳᠣᠯᠲᠠ ᠪᠠᠷ | ᠳᠠᠮᠵᠢᠭᠤᠯᠤᠨ᠂ ︽ᠪᠤᠴᠠᠵᠤ ᠪᠠᠶᠢᠴᠠᠭᠠᠨ ᠦᠵᠡᠬᠦ︾ ᠰᠢᠮᠳᠠᠭᠤᠯᠤᠨ ᠪᠠᠶᠢᠴᠠᠭᠠᠯᠲᠠ ᠶᠢᠨ ᠬᠡᠯᠪᠡᠷᠢ ᠲᠠᠢ ᠤᠶᠠᠯᠳᠤᠭᠤᠯᠵᠤ ᠪᠠᠶᠢᠭᠠᠳ ᠨᠢᠭᠡᠨᠲᠡ ᠬᠤᠶᠠᠷ ᠡᠭᠡᠯᠵᠢ ᠶᠢᠨ | ᠪᠦᠬᠦᠨ ᠢ ᠬᠠᠮᠤᠷᠤᠭᠤᠯᠬᠤ ᠶᠢ ᠪᠡᠶᠡᠯᠡᠭᠦᠯᠪᠡ᠃ 2019 ᠣᠨ ᠳᠤ᠂ ᠪᠢᠳᠡ ᠭᠤᠷᠪᠠᠳᠤᠭᠠᠷ ᠡᠭᠡᠯᠵᠢ ᠶᠢᠨ ᠪᠦᠬᠦᠨ ᠢ ᠬᠠᠮᠤᠷᠤᠭᠤᠯᠬᠤ ᠶᠢ ᠪᠡᠶᠡᠯᠡᠭᠦᠯᠬᠦ ᠬᠡᠷᠡᠭᠲᠡᠢ᠃ | ᠶᠠᠳᠠᠭᠤ ᠠᠴᠠ ᠠᠩᠭᠢᠵᠢᠷᠠᠭ᠎ᠠ ᠦᠭᠡᠢ 20 ᠬᠤᠰᠢᠭᠤ ᠰᠢᠶᠠᠨ ᠳᠤ ᠲᠤᠰᠬᠠᠢ ᠵᠦᠢᠯ ᠤᠨ ᠶᠠᠳᠠᠭᠤ ᠶᠢ ᠲᠡᠳᠬᠦᠬᠦ ᠬᠢᠨᠠᠯᠲᠠ ᠪᠣᠳᠣᠯᠲᠠ ᠬᠢᠵᠦ᠂ ᠨᠢᠭᠡᠨᠲᠡ ᠶᠠᠳᠠᠭᠤ ᠠᠴᠠ | ᠠᠩᠭᠢᠵᠢᠷᠠᠭᠰᠠᠨ 31 ᠬᠤᠰᠢᠭᠤ ᠰᠢᠶᠠᠨ ᠳᠤ ︽ᠪᠤᠴᠠᠵᠤ ᠪᠠᠶᠢᠴᠠᠭᠠᠨ ᠦᠵᠡᠬᠦ︾ ᠭᠤᠣᠯᠳᠠᠯᠭ᠎ᠠ ᠲᠠᠢ ᠪᠠᠷ ᠰᠤᠭᠤᠴᠢᠨ ᠬᠢᠨᠠᠬᠤ ᠠᠵᠢᠯᠯᠠᠭ᠎ᠠ ᠥᠷᠨᠢᠭᠦᠯᠦᠨ᠂ ᠶᠠᠳᠠᠭᠤ | ᠬᠦᠴᠢᠷᠳᠡᠯᠲᠡᠢ ᠬᠥᠮᠥᠨ ᠠᠮᠠ ᠲᠠᠢ 29 ᠶᠠᠳᠠᠭᠤ ᠬᠦᠴᠢᠷᠳᠡᠯᠲᠡᠢ ᠪᠤᠰᠤ ᠬᠤᠰᠢᠭᠤ ᠰᠢᠶᠠᠨ ᠳᠤ ᠮᠥᠷᠳᠡᠨ ᠬᠢᠨᠠᠯᠲᠠ ᠪᠣᠳᠣᠯᠲᠠ ᠬᠢᠵᠦ᠂ 3 ᠬᠤᠰᠢᠭᠤ ᠰᠢᠶᠠᠨ ᠳᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠤᠨ ᠬᠢᠨᠠᠯᠲᠠ ᠪᠣᠳᠣᠯᠲᠠ ᠬᠢᠨ᠎ᠡ᠃ ᠡᠭᠦᠨ ᠤ ᠬᠠᠮᠲᠤ᠂ | ᠪᠦᠬᠦ ᠣᠷᠣᠨ ᠤ ᠲᠠᠷᠢᠶᠠᠴᠢᠳ ᠲᠤ ᠠᠰᠢᠭ ᠬᠦᠷᠲᠡᠭᠡᠬᠦ ᠨᠡᠮᠡᠭᠦᠷᠢ ᠶᠢᠨ ︽ᠨᠢᠭᠡ ᠺᠠᠷᠲ ᠢᠶᠠᠷ ᠪᠦᠬᠦᠨ ᠢ ᠭᠦᠢᠴᠡᠳᠬᠡᠬᠦ︾ ᠬᠠᠮᠢᠶᠠᠷᠤᠯᠲᠠ ᠬᠡᠷᠡᠭᠯᠡᠯᠲᠡ ᠶᠢᠨ ᠪᠠᠶᠢᠳᠠᠯ ᠳᠤ | ᠲᠤᠰᠬᠠᠢ ᠵᠦᠢᠯ ᠤᠨ ᠬᠢᠨᠠᠯᠲᠠ ᠪᠣᠳᠣᠯᠲᠠ ᠬᠢᠨ᠎ᠡ᠃ ᠣᠳᠣᠬᠠᠨ ᠳᠤ ︽ᠲᠠᠪᠤ ᠶᠢ ᠨᠢᠭᠡᠳᠬᠡᠬᠦ︾ ᠬᠤᠶᠠᠷ ᠲᠥᠷᠥᠯ ᠢ ᠶᠠᠭ ᠰᠠᠶᠢᠬᠠᠨ ᠬᠡᠷᠡᠭᠵᠢᠭᠦᠯᠵᠦ ᠪᠠᠶᠢᠨ᠎ᠠ᠃ | ᠬᠤᠶᠠᠷ ᠲᠤ᠂ ᠬᠢᠨᠠᠨ ᠪᠣᠳᠣᠭᠰᠠᠨ ᠦᠷ᠎ᠡ ᠪᠦᠲᠦᠭᠡᠯ ᠢ ᠬᠡᠷᠡᠭᠯᠡᠬᠦ ᠡᠷᠴᠢᠮ ᠢ ᠴᠢᠩᠭᠠᠷᠠᠭᠤᠯᠤᠨ᠎ᠠ᠃ ᠬᠢᠨᠠᠨ ᠪᠣᠳᠣᠬᠤ ᠶᠠᠪᠤᠴᠠ ᠳᠤ ᠪᠠᠶᠢᠴᠠᠭᠠᠨ ᠭᠠᠷᠭᠠᠭᠰᠠᠨ | ᠠᠰᠠᠭᠤᠳᠠᠯ ᠢ ᠴᠡᠭᠴᠡᠯᠡᠨ ᠥᠭᠡᠷᠡᠴᠢᠯᠡᠬᠦ ᠠᠵᠢᠯ ᠢ ᠣᠨᠢᠯᠠᠨ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠬᠢᠨᠠᠨ ᠪᠣᠳᠣᠬᠤ ᠶᠠᠪᠤᠴᠠ ᠳᠤ ᠢᠯᠡᠷᠡᠭᠦᠯᠦᠭᠰᠡᠨ | ᠠᠰᠠᠭᠤᠳᠠᠯ ᠢ ︽ᠡᠴᠦᠰ ᠲᠤ ᠨᠢ ᠲᠤᠯᠲᠠᠯ᠎ᠠ ᠰᠢᠮᠳᠠᠭᠤᠯᠤᠨ ᠪᠠᠶᠢᠴᠠᠭᠠᠵᠤ︾᠂ ᠬᠢᠨᠠᠨ ᠪᠣᠳᠣᠵᠤ ᠴᠡᠭᠴᠡᠯᠡᠨ ᠥᠭᠡᠷᠡᠴᠢᠯᠡᠬᠦ ᠨᠣᠷᠮ᠎ᠠ ᠶᠢ ᠦᠨᠡᠨ ᠬᠦ ᠳᠡᠭᠡᠭᠰᠢᠯᠡᠭᠦᠯᠦᠨ᠎ᠡ | ᠃ ᠬᠢᠨᠠᠨ ᠪᠣᠳᠣᠭᠰᠠᠨ ᠦᠷ᠎ᠡ ᠳ᠋ᠦᠩ ᠢ ᠨᠡᠶᠢᠭᠡᠮ ᠳᠤ ᠢᠯᠡ ᠪᠠᠷ ᠨᠡᠶᠢᠲᠡᠯᠡᠵᠦ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠬᠦᠯᠢᠶᠡᠨ᠎ᠡ᠃ ᠳᠦᠷᠢᠮ ᠲᠣᠭᠲᠠᠭᠠᠯ ᠰᠠᠬᠢᠯᠭ᠎ᠠ | ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠠᠰᠠᠭᠤᠳᠠᠯ ᠳᠤ᠂ ᠳᠦᠷᠢᠮ ᠲᠣᠭᠲᠠᠭᠠᠯ ᠶᠣᠰᠣᠭᠠᠷ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠴᠢᠩᠭ᠎ᠠ | ᠰᠢᠢᠳᠬᠡᠵᠦ᠂ ᠰᠦᠷ ᠦᠢᠯᠡᠳᠦᠯ ᠦᠵᠡᠭᠦᠯᠬᠦ ᠬᠡᠷᠡᠭᠲᠡᠢ᠃ | ᠭᠤᠷᠪᠠ ᠳᠤ᠂ ᠵᠣᠬᠢᠶᠠᠨ ᠪᠠᠶᠢᠭᠤᠯᠬᠤ ᠠᠷᠭ᠎ᠠ ᠬᠡᠯᠪᠡᠷᠢ ᠪᠠ ᠬᠢᠨᠠᠨ ᠪᠣᠳᠣᠬᠤ ᠠᠷᠭ᠎ᠠ ᠠᠪᠴᠠᠯ ᠢᠶᠠᠨ ᠰᠠᠶᠢᠵᠢᠷᠠᠭᠤᠯᠤᠨ᠎ᠠ᠃ ᠶᠠᠳᠠᠭᠤ ᠶᠢ ᠲᠡᠳᠬᠦᠬᠦ ᠪᠡᠯᠡ | ᠮᠥᠩᠭᠦ ᠪᠠᠷ ᠭᠤᠣᠯ ᠱᠤᠭᠤᠮ ᠪᠣᠯᠭᠠᠨ᠂ ᠶᠠᠳᠠᠭᠤ ᠶᠢ ᠲᠡᠳᠬᠦᠬᠦ ᠲᠥᠷᠥᠯ ᠵᠦᠢᠯ ᠲᠠᠢ ᠤᠶᠠᠯᠳᠤᠭᠤᠯᠵᠤ᠂ ᠬᠢᠨᠠᠨ ᠪᠣᠳᠣᠬᠤ ᠠᠷᠭ᠎ᠠ ᠬᠡᠯᠪᠡᠷᠢ ᠳᠤ ᠰᠢᠨ᠎ᠡ ᠶᠢ ᠡᠭᠦᠳᠦᠨ᠂ | ᠮᠡᠳᠡᠭᠡ ᠵᠠᠩᠭᠢᠵᠢᠯᠲᠠ ᠠᠴᠠ ᠡᠬᠢ ᠪᠠᠶᠠᠯᠢᠭ ᠠᠪᠴᠤ᠂ ᠲᠣᠮᠣ ᠳ᠋ᠠᠶᠢᠲ᠋ᠠ ᠪᠠᠷ ᠬᠢᠨᠠᠨ ᠪᠣᠳᠣᠬᠤ ᠠᠷᠭ᠎ᠠ ᠠᠪᠴᠠᠯ ᠢ ᠭᠦᠢᠴᠡᠳ ᠠᠰᠢᠭᠯᠠᠨ᠂ ᠢᠯᠡᠷᠡᠭᠦᠯᠦᠭᠰᠡᠨ ᠰᠡᠵᠢᠭᠲᠡᠢ | ᠬᠡᠷᠡᠭ ᠢ ᠬᠠᠷᠢᠴᠠᠭᠤᠯᠤᠨ ᠵᠠᠳᠠᠯᠬᠤ ᠪᠠᠷ ᠳᠠᠮᠵᠢᠭᠤᠯᠵᠤ᠂ ᠬᠢᠨᠠᠨ ᠪᠣᠳᠣᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠬᠥᠲᠥᠯᠥᠭᠴᠢ᠄ | ᠰᠠᠶᠢᠨ ᠪᠣᠯᠣᠯ᠎ᠠ᠃ ᠴᠠᠭ ᠤᠨ ᠬᠠᠷᠠᠭ᠎ᠠ ᠠᠴᠠ ᠮᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠬᠦ ᠪᠣᠯᠣᠯ᠎ᠠ᠃ ᠵᠠᠩ ᠲᠢᠩᠬᠢᠮ ᠤᠨ ᠳᠠᠷᠤᠭ᠎ᠠ ᠶᠢᠨ | ᠲᠠᠶᠢᠯᠤᠮᠵᠢ ᠬᠢᠭᠰᠡᠨ ᠳᠤ ᠲᠤᠩ ᠪᠠᠶᠠᠷᠯᠠᠯ᠎ᠠ᠂ ᠮᠥᠨ ᠴᠤ ᠰᠦᠯᠵᠢᠶᠡᠨ ᠤ ᠠᠨᠳᠠ ᠨᠠᠷ ᠤᠨ ᠬᠦᠯᠢᠶᠡᠨ ᠠᠪᠴᠤ ᠦᠵᠡᠭᠰᠡᠨ ᠳᠤ ᠪᠠᠶᠠᠷᠯᠠᠯ᠎ᠠ᠃ ᠳᠠᠷᠠᠭᠠᠴᠢ ᠶᠢᠨ | ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ︕ | ᠵᠠᠩ ᠯᠢᠶᠠᠩ᠄ | ᠪᠠᠶᠠᠷᠲᠠᠢ︕ | |