| 365赢多少钱会被限额_国内有真正的365平台吗_365bet博彩官网 | | | | ᠰᠤᠷᠪᠤᠯᠵᠢᠯᠠᠭᠰᠠᠨ ᠴᠠᠭ᠄ 2019 ᠣᠨ ᠤ 02 ᠳ᠋ᠤᠭᠠᠷ ᠰᠠᠷ᠎ᠠ ᠶᠢᠨ 19 ᠤ ᠡᠳᠦᠷ ᠤᠨ 15 ᠴᠠᠭ | ᠰᠤᠷᠪᠤᠯᠵᠢᠯᠠᠭ᠎ᠠ ᠬᠦᠯᠢᠶᠡᠭᠴᠢ᠄ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ | ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠡᠷᠬᠢᠯᠡᠭᠴᠢ ᠡᠾᠧ ᠢᠦᠢ ᠴᠦᠨ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠣᠶᠢᠷ᠎ᠠ ᠳᠤ᠂ ᠪᠢᠳᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠵᠥᠪᠯᠡᠯ ᠤᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠡᠷᠬᠢᠯᠡᠭᠴᠢ ᠡᠾᠧ ᠢᠦᠢ ᠴᠦᠨ ᠢ ᠤᠷᠢᠵᠤ᠂ ᠮᠠᠨ ᠤ ᠣᠷᠣᠨ ᠤ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠥᠷᠢ ᠥᠭᠴᠡᠭᠡ ᠶᠢ ᠪᠠᠭᠤᠷᠠᠭᠤᠯᠤᠨ᠂ ᠲᠦᠭᠰᠢᠭᠦᠷᠢ ᠶᠢ ᠰᠡᠷᠭᠡᠶᠢᠯᠡᠬᠦ ᠠᠵᠢᠯ ᠤᠨ ᠬᠠᠮᠢᠶ᠎ᠠ ᠪᠦᠬᠦᠢ ᠪᠠᠶᠢᠳᠠᠯ ᠤᠨ ᠲᠤᠬᠠᠢ ᠰᠦᠯᠵᠢᠶ᠎ᠡ ᠪᠠᠷ ᠣᠯᠠᠨ ᠲᠠᠢ | ᠰᠠᠨᠠᠯ ᠰᠣᠯᠢᠯᠴᠠᠭᠤᠯᠪᠠ᠃ | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | ᠬᠥᠲᠥᠯᠥᠭᠴᠢ᠄ | ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠤᠰ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠤ | ᠰᠤᠷᠪᠤᠯᠵᠢᠯᠠᠭ᠎ᠠ ᠶᠢᠨ ᠪᠤᠯᠤᠩ ᠢ ᠬᠦᠯᠢᠶᠡᠨ ᠠᠪᠴᠤ ᠦᠵᠡᠬᠦ ᠶᠢ ᠴᠢᠨᠢ ᠪᠠᠶᠠᠷᠯᠠᠨ ᠤᠭᠲᠤᠵᠤ ᠪᠠᠶᠢᠨ᠎ᠠ᠃ ᠥᠨᠥᠳᠥᠷ ᠪᠢᠳᠡ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ | ᠡᠷᠬᠢᠯᠡᠭᠴᠢ ᠡᠾᠧ ᠢᠦᠢ ᠴᠦᠨ ᠢ ᠤᠷᠢᠵᠤ᠂ ᠮᠠᠨ ᠤ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠷᠢ ᠥᠭᠴᠡᠭᠡ ᠶᠢ ᠪᠠᠭᠤᠷᠠᠭᠤᠯᠤᠨ᠂ | ᠲᠦᠭᠰᠢᠭᠦᠷᠢ ᠶᠢ ᠰᠡᠷᠭᠡᠶᠢᠯᠡᠬᠦ ᠠᠵᠢᠯ ᠤᠨ ᠬᠠᠮᠢᠶ᠎ᠠ ᠪᠦᠬᠦᠢ ᠪᠠᠶᠢᠳᠠᠯ ᠤᠨ ᠲᠤᠬᠠᠢ ᠰᠦᠯᠵᠢᠶ᠎ᠡ ᠪᠠᠷ ᠣᠯᠠᠨ ᠲᠠᠢ ᠰᠠᠨᠠᠯ ᠰᠣᠯᠢᠯᠴᠠᠭᠤᠯᠬᠤ ᠪᠣᠯᠣᠯ᠎ᠠ᠃ ᠡᠾᠧ | ᠡᠷᠬᠢᠯᠡᠭᠴᠢ ᠶᠢ ᠪᠠᠶᠠᠷᠯᠠᠨ ᠤᠭᠲᠤᠵᠤ ᠪᠠᠶᠢᠨ᠎ᠠ᠃ | ᠡᠾᠧ ᠢᠦᠢ ᠴᠦᠨ᠄ | ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠠᠳᠡ ᠣᠯᠠᠨ ᠲᠠᠢ ᠰᠠᠨᠠᠯ ᠰᠣᠯᠢᠯᠴᠠᠬᠤ ᠪᠣᠯᠣᠭᠰᠠᠨ ᠳᠤ ᠪᠠᠨ ᠰᠡᠳᠬᠢᠯ ᠮᠠᠰᠢ | ᠥᠨᠳᠥᠷ ᠪᠠᠶᠢᠨ᠎ᠠ᠃ ᠡᠨᠡ ᠬᠦ ᠲᠣᠬᠢᠶᠠᠯ ᠢ ᠠᠰᠢᠭᠯᠠᠨ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠤᠨ ᠡᠮᠦᠨ᠎ᠡ ᠠᠴᠠ ᠮᠠᠨ ᠤ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠪᠠ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠥᠭᠡᠷᠡᠴᠢᠯᠡᠯᠲᠡ ᠬᠥᠭᠵᠢᠯᠲᠡ ᠶᠢᠨ ᠠᠵᠢᠯ ᠢ ᠢᠮᠠᠭᠲᠠ ᠬᠠᠷᠠᠭᠠᠯᠵᠠᠨ᠂ ᠣᠷᠣᠯᠴᠠᠵᠤ᠂ ᠳᠡᠮᠵᠢᠭᠰᠡᠭᠡᠷ ᠢᠷᠡᠭᠰᠡᠨ ᠥᠷᠭᠡᠨ ᠣᠯᠠᠨ ᠰᠦᠯᠵᠢᠶᠡᠨ ᠤ ᠠᠨᠳᠠ ᠳᠤ ᠴᠢᠩ | ᠰᠡᠳᠬᠢᠯ ᠤᠨ ᠪᠠᠶᠠᠷ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕ | ᠬᠥᠲᠥᠯᠥᠭᠴᠢ᠄ | ᠡᠩ ᠲᠡᠷᠢᠭᠦᠨ ᠳᠤ ᠲᠠ ᠣᠳᠣᠬᠠᠨ ᠤ ᠮᠠᠨ ᠤ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠴᠡᠭᠡᠨ ᠤ ᠶᠠᠪᠤᠳᠠᠯ ᠤᠨ ᠬᠠᠮᠢᠶ᠎ᠠ ᠪᠦᠬᠦᠢ | ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖ | ᠡᠾᠧ ᠢᠦᠢ ᠴᠦᠨ᠄ | ᠲᠡᠭᠡᠶ᠎ᠡ᠃ 2017 ᠣᠨ ᠤ ᠰᠡᠭᠦᠯᠴᠢ ᠪᠠᠷ ᠮᠠᠨ ᠤ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠳᠤᠮᠳᠠᠴᠢ ᠬᠥᠷᠥᠩᠭᠡ ᠥᠷᠢ ᠶᠢᠨ ᠨᠣᠷᠮ᠎ᠠ | ᠨᠢ 59%᠂ ᠣᠷᠣᠨ ᠤ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠳᠤᠮᠳᠠᠴᠢ ᠬᠥᠷᠥᠩᠭᠡ ᠥᠷᠢ ᠶᠢᠨ ᠨᠣᠷᠮ᠎ᠠ ᠨᠢ 74.2%᠂ ᠥᠪᠡᠷᠲᠡᠭᠡᠨ | ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ | ᠬᠥᠷᠥᠩᠭᠡ ᠥᠷᠢ ᠶᠢᠨ ᠨᠣᠷᠮ᠎ᠠ ᠨᠢ 71.3% ᠳᠤ ᠬᠦᠷᠴᠦ᠂ ᠣᠨᠴᠠ ᠵᠠᠷᠢᠮ ᠠᠵᠤ ᠠᠬᠤᠶᠢᠯᠠᠯ ᠤᠨ ᠥᠷᠢ ᠥᠭᠴᠡᠭᠡ ᠨᠢ ᠬᠠᠷᠢᠴᠠᠩᠭᠤᠢ ᠠᠷᠪᠢᠨ᠂ ᠥᠷᠢ | ᠥᠭᠴᠡᠭᠡᠨ ᠤ ᠨᠣᠷᠮ᠎ᠠ ᠨᠢ ᠨᠡᠯᠢᠶᠡᠳ ᠥᠨᠳᠥᠷ ᠪᠠᠶᠢᠵᠤ᠂ ᠡᠵᠡᠩᠨᠡᠯᠲᠡ ᠶᠢᠨ ᠲᠦᠭᠰᠢᠭᠦᠷᠢ ᠣᠷᠣᠰᠢᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠥᠭᠴᠡᠭᠡᠨ ᠤ ᠶᠠᠪᠤᠳᠠᠯ ᠤᠨ ᠲᠦᠭᠰᠢᠭᠦᠷᠢ ᠶᠢ ᠰᠡᠷᠭᠡᠶᠢᠯᠡᠬᠦ ᠡᠭᠦᠷᠭᠡ ᠨᠢ ᠬᠠᠲᠠᠭᠤ ᠪᠡᠷᠬᠡᠲᠡᠢ | ᠪᠠᠶᠢᠨ᠎ᠠ᠃ | ᠬᠥᠲᠥᠯᠥᠭᠴᠢ᠄ | ᠲᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠴᠡᠭᠡᠨ ᠤ ᠶᠠᠪᠤᠳᠠᠯ ᠤᠨ ᠠᠰᠠᠭᠤᠳᠠᠯ ᠳᠤ ᠶᠠᠭᠠᠬᠢᠵᠤ ᠬᠠᠨᠳᠤᠵᠤ ᠪᠠᠶᠢᠬᠤ ᠪᠣᠢ︖ | ᠡᠾᠧ ᠢᠦᠢ ᠴᠦᠨ᠄ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠴᠡᠭᠡᠨ ᠤ | ᠶᠠᠪᠤᠳᠠᠯ ᠤᠨ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠪᠠ ︽ᠵᠠᠰᠠᠭ ᠤᠨ | ᠣᠷᠳᠣᠨ ᠤ ᠠᠵᠢᠯ ᠤᠨ ᠢᠯᠡᠳᠬᠡᠯ︾ ᠳᠤ ᠪᠠᠨ᠂ 2018 ᠣᠨ ᠳᠤ ᠴᠢᠬᠤᠯᠠ ᠶᠡᠭᠡ ᠲᠦᠭᠰᠢᠭᠦᠷᠢ ᠶᠢ ᠰᠡᠷᠭᠡᠶᠢᠯᠡᠨ ᠨᠠᠮᠳᠠᠭᠠᠬᠤ᠂ ᠲᠤᠶᠢᠯ ᠤᠨ ᠣᠨᠣᠪᠴᠢᠲᠠᠢ ᠪᠠᠷ | ᠶᠠᠳᠠᠭᠤ ᠠᠴᠠ ᠠᠩᠭᠢᠵᠢᠷᠠᠭᠤᠯᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠰᠢᠭᠤᠷᠬᠠᠢ ᠪᠠᠷ ᠰᠠᠶᠢᠲᠤᠷ ᠬᠢᠵᠦ | ᠂ ᠣᠨᠴᠠᠭᠠᠶᠢᠯᠠᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠴᠡᠭᠡᠨ ᠤ ᠶᠠᠪᠤᠳᠠᠯ ᠵᠡᠷᠭᠡ ᠲᠠᠯ᠎ᠠ ᠶᠢᠨ ᠲᠦᠭᠰᠢᠭᠦᠷᠢ ᠶᠢ ᠨᠢᠭᠲᠠ ᠠᠩᠬᠠᠷᠬᠤ ᠬᠡᠷᠡᠭᠲᠡᠢ ᠭᠡᠵᠦ | ᠲᠣᠳᠣᠷᠬᠠᠢ ᠳᠤᠷᠠᠳᠤᠨ ᠭᠠᠷᠭᠠᠪᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠴᠡᠭᠡᠨ ᠤ ᠶᠠᠪᠤᠳᠠᠯ ᠤᠨ ᠪᠦᠷᠢᠯᠳᠦᠭᠰᠡᠨ ᠰᠢᠯᠲᠠᠭᠠᠨ ᠨᠢ ᠨᠡᠯᠢᠶᠡᠳ | ᠪᠤᠳᠤᠯᠢᠶᠠᠨᠲᠠᠢ ᠪᠠᠶᠢᠳᠠᠭ᠂ ᠡᠭᠦᠨ ᠳᠤ ᠲᠡᠦᠬᠡ ᠶᠢᠨ ᠬᠦᠴᠦᠨ ᠵᠦᠢᠯ ᠪᠠᠶᠢᠬᠤ ᠪᠠᠷ ᠪᠠᠷᠠᠬᠤ ᠦᠭᠡᠢ᠂ ᠦᠨᠡᠨ ᠪᠣᠳᠠᠲᠠᠢ ᠬᠦᠴᠦᠨ ᠵᠦᠢᠯ ᠪᠠᠶᠢᠳᠠᠭ︔ ᠵᠠᠬ᠎ᠠ | ᠳᠡᠯᠭᠡᠭᠦᠷ ᠤᠨ ᠰᠢᠯᠲᠠᠭᠠᠨ ᠪᠠᠶᠢᠬᠤ ᠪᠠᠷ ᠪᠠᠷᠠᠬᠤ ᠦᠭᠡᠢ᠂ ᠡᠵᠡᠩᠨᠡᠯᠲᠡ ᠬᠠᠮᠢᠶᠠᠷᠤᠯᠲᠠ ᠶᠢᠨ ᠲᠠᠯ᠎ᠠ ᠶᠢᠨ ᠰᠢᠯᠲᠠᠭᠠᠨ ᠴᠤ ᠪᠠᠶᠢᠳᠠᠭ᠃ ᠲᠡᠷᠡ ᠨᠢ ᠴᠣᠬᠤᠮ ᠶᠠᠭᠠᠬᠢᠵᠤ | ᠪᠦᠷᠢᠯᠳᠦᠭᠰᠡᠨ ᠴᠤ᠂ ᠡᠷᠬᠡᠪᠰᠢ ᠦᠨᠡᠨ ᠪᠣᠳᠠᠲᠠᠢ ᠪᠠᠷ ᠰᠢᠢᠳᠪᠦᠷᠢᠯᠡᠵᠦ᠂ ᠥᠭᠴᠡᠭᠡᠨ ᠤ ᠶᠠᠪᠤᠳᠠᠯ ᠤᠨ ᠲᠦᠭᠰᠢᠭᠦᠷᠢ ᠶᠢ ᠡᠷᠡᠰ ᠰᠡᠷᠭᠡᠶᠢᠯᠡᠬᠦ ᠬᠡᠷᠡᠭᠲᠡᠢ᠃ ᠥᠪᠡᠷᠲᠡᠭᠡᠨ | ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠤᠯᠤᠰ ᠪᠠ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠰᠢᠨ᠎ᠡ ᠬᠥᠭᠵᠢᠯᠲᠡ ᠶᠢᠨ | ᠣᠨᠣᠯᠵᠢᠬᠤᠨ ᠢ ᠯᠠᠪᠳᠠᠭᠤᠨ ᠪᠠᠲᠤᠲᠠᠢ ᠪᠣᠢ ᠪᠣᠯᠭᠠᠵᠤ᠂ ᠲᠣᠭᠲᠠᠭᠤᠨ ᠪᠠᠶᠢᠯᠭᠠᠬᠤ ᠮᠥᠷᠲᠡᠭᠡᠨ ᠤᠷᠤᠭᠰᠢ ᠳᠠᠪᠰᠢᠭᠤᠯᠬᠤ ᠠᠵᠢᠯ ᠤᠨ ᠦᠨᠳᠦᠰᠦᠨ ᠬᠥᠭ ᠢ | ᠪᠠᠷᠢᠮᠲᠠᠯᠠᠨ᠂ ᠶᠠᠰᠤ ᠴᠢᠨᠠᠷ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠦᠷ᠎ᠡ ᠠᠰᠢᠭ ᠢ ᠤᠷᠢᠳ ᠢᠶᠠᠷ ᠪᠣᠳᠣᠯᠬᠢᠯᠠᠵᠤ᠂ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠠᠬᠢᠭᠤᠯᠬᠤ ᠪᠠᠷ ᠭᠤᠣᠯ ᠱᠤᠭᠤᠮ ᠪᠣᠯᠭᠠᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠪᠠ ᠤᠯᠤᠰ ᠤᠨ | ᠥᠮᠴᠢᠯᠡᠯᠲᠦ ᠠᠵᠤ ᠠᠬᠤᠢ ᠶᠢᠨ ᠴᠢᠨᠠᠷᠯᠢᠭ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠤ ᠲᠦᠭᠰᠢᠭᠦᠷᠢ ᠶᠢ | ᠰᠡᠷᠭᠡᠶᠢᠯᠡᠨ ᠬᠢᠵᠠᠭᠠᠷᠯᠠᠬᠤ ᠠᠵᠢᠯ ᠢ ᠬᠦᠴᠦᠯᠡᠨ ᠠᠳᠬᠤᠵᠤ᠂ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠬᠤ ᠬᠢᠭᠡᠳ ᠠᠮᠢᠵᠢᠷᠠᠯ ᠤᠨ ᠬᠦᠴᠦᠨ ᠢ ᠴᠢᠩᠭᠠᠷᠠᠭᠤᠯᠬᠤ ᠶᠢ | ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠪᠠᠷ ᠰᠢᠪᠲᠤᠯᠤᠯᠲᠠ ᠪᠣᠯᠭᠠᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠳᠠᠶᠢᠴᠢᠯᠠᠨ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢᠨ | ᠲᠣᠭᠲᠠᠴᠠ ᠶᠢ ᠲᠦᠷᠭᠡᠳᠬᠡᠨ ᠪᠠᠶᠢᠭᠤᠯᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠵᠤ ᠠᠬᠤᠢ ᠶᠢᠨ ᠦᠷ᠎ᠡ ᠠᠰᠢᠭ ᠤᠨ ᠲᠣᠭᠲᠠᠭᠤᠨ ᠢᠶᠠᠷ ᠨᠡᠮᠡᠭᠳᠡᠬᠦ ᠶᠢ | ᠠᠬᠢᠭᠤᠯᠤᠨ᠂ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠪᠠ ᠪᠠᠶᠢᠷᠢᠯᠠᠭᠤᠯᠤᠯᠲᠠ ᠪᠠᠨ ᠰᠢᠯᠢᠳᠡᠭᠵᠢᠭᠦᠯᠬᠦ ᠶᠢ ᠬᠠᠪᠰᠤᠷᠤᠨ ᠠᠬᠢᠭᠤᠯᠵᠤ᠂ | ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠤᠷᠲᠤ ᠬᠤᠭᠤᠴᠠᠭ᠎ᠠ ᠪᠠᠷ ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ ᠪᠠᠲᠤ ᠴᠢᠩᠭ᠎ᠠ ᠰᠠᠭᠤᠷᠢ ᠶᠢ ᠲᠠᠯᠪᠢᠨ᠎ᠠ᠃ | ᠬᠥᠲᠥᠯᠥᠭᠴᠢ᠄ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠴᠡᠭᠡᠨ ᠤ ᠶᠠᠪᠤᠳᠠᠯ ᠤᠨ ᠲᠦᠭᠰᠢᠭᠦᠷᠢ ᠶᠢ ᠰᠡᠷᠭᠡᠶᠢᠯᠡᠬᠦ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ | ᠠᠪᠤᠭᠰᠠᠨ ᠪᠣᠢ︖ | ᠡᠾᠧ ᠢᠦᠢ ᠴᠦᠨ᠄ | ᠪᠢᠳᠡ ᠡᠨᠡ ᠵᠢᠯ ᠭᠤᠣᠯᠳᠠᠭᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠷᠥᠩᠭᠡ ᠥᠷᠢ ᠶᠢ ᠬᠢᠵᠠᠭᠠᠷᠯᠠᠬᠤ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠲᠥᠷᠥᠯ ᠬᠤᠪᠢᠶᠠᠨ ᠬᠠᠮᠢᠶᠠᠷᠴᠤ ᠡᠵᠡᠮᠳᠡᠬᠦ ᠪᠠ ᠰᠢᠯᠭᠠᠨ ᠬᠢᠨᠠᠵᠤ ᠬᠢᠵᠠᠭᠠᠷᠯᠠᠬᠤ ᠶᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ | ᠬᠢᠨᠠᠯᠲᠠ ᠬᠠᠮᠢᠶᠠᠷᠤᠯᠲᠠ ᠪᠠᠨ ᠴᠢᠩᠭᠠᠷᠠᠭᠤᠯᠪᠠ︔ ᠡᠭᠦᠨ ᠤ ᠬᠠᠮᠲᠤ ᠵᠠᠬ᠎ᠠ ᠳᠡᠯᠭᠡᠭᠦᠷᠴᠢᠯᠡᠬᠦ᠂ ᠬᠠᠤᠯᠢ ᠪᠠᠷ ᠵᠠᠰᠠᠵᠢᠬᠤ ᠵᠡᠷᠭᠡ ᠠᠷᠭ᠎ᠠ ᠬᠡᠯᠪᠡᠷᠢ ᠪᠠᠷ ᠨᠡᠶᠢᠯᠡᠭᠦᠯᠦᠨ | ᠨᠢᠭᠡᠳᠬᠡᠵᠦ ᠳᠠᠬᠢᠨ ᠪᠠᠶᠢᠭᠤᠯᠬᠤ ᠶᠢ ᠠᠬᠢᠭᠤᠯᠤᠨ᠂ ᠣᠳᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠡᠭᠦᠯᠳᠡᠷᠵᠢᠭᠦᠯᠬᠦ ᠪᠠᠷ ᠳᠠᠮᠵᠢᠭᠤᠯᠤᠨ ᠥᠪᠡᠷ ᠢ ᠪᠠᠨ | ᠬᠢᠵᠠᠭᠠᠷᠯᠠᠬᠤ ᠶᠢ ᠴᠢᠩᠭᠠᠷᠠᠭᠤᠯᠬᠤ᠂ ᠥᠭᠴᠡᠭᠡᠨ ᠤ ᠶᠠᠪᠤᠳᠠᠯ ᠤᠨ ᠪᠦᠲᠦᠴᠡ ᠶᠢ ᠰᠢᠯᠢᠳᠡᠭᠵᠢᠭᠦᠯᠬᠦ᠂ ᠣᠯᠠᠨ ᠠᠷᠭ᠎ᠠ ᠵᠠᠮ ᠢᠶᠠᠷ ᠡᠷᠬᠡ ᠠᠰᠢᠭ ᠡᠳ᠋ ᠬᠥᠷᠥᠩᠭᠡ ᠶᠢ | ᠨᠥᠬᠦᠪᠦᠷᠢᠯᠡᠬᠦ ᠵᠢᠴᠢ ᠦᠯᠡᠳᠡᠭᠡᠯ ᠡᠳ᠋ ᠬᠥᠷᠥᠩᠭᠡ ᠶᠢ ᠴᠢᠯᠦᠭᠡᠲᠡᠢ ᠭᠦᠢᠯᠭᠡᠭᠡᠬᠦ ᠵᠡᠷᠭᠡ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ | ᠬᠥᠰᠢᠭᠦᠷᠭᠡ ᠶᠢᠨ ᠨᠣᠷᠮ᠎ᠠ ᠶᠢ ᠢᠳᠡᠪᠬᠢᠲᠡᠢ ᠪᠥᠭᠡᠳ ᠲᠣᠭᠲᠠᠭᠤᠨ ᠢᠶᠠᠷ ᠳᠣᠷᠣᠭᠰᠢᠯᠠᠭᠤᠯᠵᠤ᠂ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠵᠡᠢ᠃ | ᠬᠥᠲᠥᠯᠥᠭᠴᠢ᠄ | ᠪᠣᠳᠠᠲᠠᠢ ᠪᠠᠷ ᠴᠣᠬᠤᠮ ᠶᠠᠭᠠᠬᠢᠵᠤ ᠬᠢᠭᠰᠡᠨ ᠢ ᠲᠠᠨᠢᠯᠴᠠᠭᠤᠯᠤᠭᠠᠳ ᠥᠭᠭᠦᠨ᠎ᠡ ᠦᠦ︖ | ᠡᠾᠧ ᠢᠦᠢ ᠴᠦᠨ᠄ | ᠨᠢᠭᠡ ᠳᠤ᠂ ᠬᠥᠰᠢᠭᠦᠷᠭᠡ ᠶᠢ ᠳᠣᠷᠣᠭᠰᠢᠯᠠᠭᠤᠯᠬᠤ ᠠᠵᠢᠯ ᠤᠨ ᠬᠠᠷᠠᠯᠲᠠ ᠶᠢ ᠲᠣᠭᠲᠠᠭᠠᠪᠠ᠃ 2017 ᠣᠨ ᠤ ᠰᠡᠭᠦᠯᠴᠢ ᠶᠢᠨ ᠬᠥᠷᠥᠩᠭᠡ ᠥᠷᠢ ᠶᠢᠨ | ᠨᠣᠷᠮ᠎ᠠ ᠪᠠᠷ ᠰᠠᠭᠤᠷᠢ ᠲᠤᠭ᠎ᠠ ᠪᠣᠯᠭᠠᠨ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠢ 2020 ᠣᠨ ᠤ ᠰᠡᠭᠦᠯᠴᠢ ᠪᠣᠯᠲᠠᠯ᠎ᠠ᠂ | ᠬᠥᠷᠥᠩᠭᠡ ᠥᠷᠢ ᠶᠢᠨ ᠨᠣᠷᠮ᠎ᠠ ᠶᠢᠨ ᠭᠤᠣᠯᠳᠠᠯᠭ᠎ᠠ ᠲᠠᠢ ᠪᠠᠷ ᠬᠢᠨᠠᠨ ᠡᠵᠡᠮᠳᠡᠬᠦ ᠱᠤᠭᠤᠮ ᠢ ᠬᠡᠲᠦᠷᠡᠭᠰᠡᠨ ᠢ ᠨᠢ ᠭᠤᠣᠯᠳᠠᠯᠭ᠎ᠠ ᠲᠠᠢ ᠪᠠᠷ ᠬᠢᠨᠠᠨ ᠡᠵᠡᠮᠳᠡᠬᠦ ᠱᠤᠭᠤᠮ ᠤᠨ | ᠳᠣᠲᠣᠷ᠎ᠠ ᠪᠠᠶᠢᠯᠭᠠᠬᠤ ᠪᠣᠯᠲᠠᠯ᠎ᠠ ᠪᠠᠭᠤᠷᠠᠭᠤᠯᠬᠤ ᠶᠢ ᠠᠬᠢᠭᠤᠯᠤᠨ᠎ᠠ︔ ᠬᠥᠷᠥᠩᠭᠡ ᠥᠷᠢ ᠶᠢᠨ ᠨᠣᠷᠮ᠎ᠠ ᠶᠢᠨ ᠰᠡᠷᠡᠮᠵᠢᠯᠡᠭᠦᠯᠬᠦ ᠱᠤᠭᠤᠮ ᠢ ᠬᠡᠲᠦᠷᠡᠭᠰᠡᠨ ᠢ ᠨᠢ | ᠰᠡᠷᠡᠮᠵᠢᠯᠡᠭᠦᠯᠬᠦ ᠱᠤᠭᠤᠮ ᠤᠨ ᠳᠣᠲᠣᠷ᠎ᠠ ᠪᠠᠶᠢᠯᠭᠠᠬᠤ ᠪᠣᠯᠲᠠᠯ᠎ᠠ ᠪᠠᠭᠤᠷᠠᠭᠤᠯᠵᠤ᠂ ᠪᠦᠬᠦ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠳᠤᠮᠳᠠᠴᠢ | ᠬᠥᠷᠥᠩᠭᠡ ᠥᠷᠢ ᠶᠢᠨ ᠨᠣᠷᠮ᠎ᠠ ᠶᠢ 2020 ᠣᠨ ᠤ ᠰᠡᠭᠦᠯᠴᠢ ᠪᠣᠯᠲᠠᠯ᠎ᠠ 2017 ᠣᠨ ᠤ ᠰᠡᠭᠦᠯᠴᠢ ᠶᠢᠨ ᠬᠢ ᠠᠴᠠ 2 ᠵᠠᠭᠤᠨ ᠤ ᠴᠡᠭ ᠣᠷᠴᠢᠮ ᠪᠠᠭᠤᠷᠠᠭᠤᠯᠤᠨ᠂ | ᠳᠠᠷᠠᠭ᠎ᠠ ᠳᠤ ᠨᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠷᠥᠩᠭᠡ ᠥᠷᠢ ᠶᠢᠨ ᠨᠣᠷᠮ᠎ᠠ ᠶᠢ ᠢᠵᠢᠯᠢ ᠠᠵᠢᠯ ᠲᠥᠷᠥᠯ ᠤᠨ ᠢᠵᠢᠯᠢ ᠬᠡᠪᠴᠢᠶᠡᠨ ᠤ ᠠᠵᠤ | ᠠᠬᠤᠶᠢᠯᠠᠯ ᠤᠨ ᠳᠤᠮᠳᠠᠴᠢ ᠬᠢᠷᠢ ᠲᠦᠪᠰᠢᠨ ᠳᠤ ᠪᠠᠶᠢᠯᠭᠠᠬᠤ ᠶᠢ ᠦᠨᠳᠦᠰᠦᠨ ᠳᠤ ᠪᠠᠨ ᠪᠠᠲᠤᠯᠠᠨ᠎ᠠ᠃ ᠬᠤᠶᠠᠷ ᠲᠤ᠂ ᠠᠵᠤ ᠠᠬᠤᠶᠢᠯᠠᠯ ᠤᠨ ᠥᠷᠢ ᠥᠭᠴᠡᠭᠡ ᠶᠢ | ᠪᠠᠭᠤᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠪᠠ᠃ ᠬᠢᠨᠠᠨ ᠬᠠᠮᠢᠶᠠᠷᠬᠤ ᠡᠯ᠎ᠡ ᠠᠵᠤ ᠠᠬᠤᠶᠢᠯᠠᠯ ᠠᠴᠠ ᠠᠵᠤ ᠠᠬᠤᠶᠢᠯᠠᠯ ᠤᠨ ᠭᠤᠣᠯ | ᠴᠣᠭᠴᠠ ᠶᠢᠨ ᠬᠠᠷᠢᠭᠤᠴᠠᠯᠭ᠎ᠠ ᠶᠢᠨ ᠵᠠᠷᠴᠢᠮ ᠢ ᠪᠠᠷᠢᠮᠲᠠᠯᠠᠨ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠭᠦᠢᠴᠡᠳᠬᠡᠬᠦ ᠪᠠ ᠵᠠᠬ᠎ᠠ ᠳᠡᠯᠭᠡᠭᠦᠷ ᠤᠨ ᠦᠢᠯᠡ | ᠠᠵᠢᠯᠯᠠᠭ᠎ᠠ ᠶᠢ ᠭᠦᠢᠴᠡᠳᠬᠡᠵᠦ᠂ ᠲᠦᠭᠰᠢᠭᠦᠷᠢ ᠶᠢ ᠥᠪᠡᠷ ᠢᠶᠠᠨ ᠰᠡᠷᠭᠡᠶᠢᠯᠡᠬᠦ ᠦᠵᠡᠯ ᠤᠬᠠᠮᠰᠠᠷ ᠢ ᠴᠢᠩᠭᠠᠷᠠᠭᠤᠯᠤᠨ᠂ ᠠᠵᠢᠯ ᠲᠥᠷᠥᠯ ᠤᠨ ᠬᠢᠨ ᠤ ᠳᠤᠮᠳᠠᠴᠢ ᠬᠢᠷᠢ | ᠲᠦᠪᠰᠢᠨ ᠲᠠᠢ ᠬᠠᠷᠢᠴᠠᠭᠤᠯᠵᠤ᠂ ᠬᠠᠷᠢᠶᠠᠲᠤ ᠳᠠᠭᠠᠯᠲᠠ ᠠᠵᠤ ᠠᠬᠤᠶᠢᠯᠠᠯ ᠬᠤᠪᠢᠶᠠᠷᠢ ᠠᠵᠢᠯ ᠲᠥᠷᠥᠯ ᠤᠨ ᠬᠥᠷᠥᠩᠭᠡ ᠥᠷᠢ ᠶᠢᠨ ᠨᠣᠷᠮ᠎ᠠ ᠶᠢᠨ ᠰᠡᠷᠡᠮᠵᠢᠯᠡᠭᠦᠯᠬᠦ | ᠱᠤᠭᠤᠮ ᠤᠨ ᠬᠠᠮᠢᠶᠠᠷᠤᠨ ᠡᠵᠡᠮᠳᠡᠬᠦ ᠳᠦᠷᠢᠮ ᠢ ᠪᠠᠶᠢᠭᠤᠯᠵᠤ᠂ ᠤᠯᠤᠰ ᠤᠨ ᠥᠮᠴᠢᠯᠡᠯᠲᠦ ᠠᠵᠣ ᠠᠬᠤᠶᠢᠯᠠᠯ ᠤᠨ ᠪᠦᠯᠦᠭᠯᠡᠯ ᠺᠣᠮᠫᠠᠨᠢ ᠶᠢᠨ ᠬᠠᠷᠢᠶᠠᠲᠤ ᠳᠠᠭᠠᠯᠲᠠ | ᠠᠵᠤ ᠠᠬᠤᠶᠢᠯᠠᠯ ᠤᠨ ᠬᠥᠷᠥᠩᠭᠡ ᠥᠷᠢ ᠶᠢᠨ ᠬᠢᠵᠠᠭᠠᠷᠯᠠᠯ ᠢ ᠴᠢᠩᠭᠠᠳᠬᠠᠵᠤ᠂ ᠡᠯ᠎ᠡ ᠠᠵᠤ ᠠᠬᠤᠶᠢᠯᠠᠯ ᠤᠨ ᠥᠭᠴᠡᠭᠡᠨ ᠤ ᠶᠠᠪᠤᠳᠠᠯ ᠤᠨ ᠲᠦᠭᠰᠢᠭᠦᠷᠢ ᠶᠢ ᠡᠵᠡᠮᠳᠡᠬᠦ | ᠭᠦᠢᠴᠡᠳᠬᠡᠯ ᠲᠣᠭᠠᠨ ᠤ ᠰᠢᠰᠲ᠋ᠧᠮᠵᠢ ᠶᠢ ᠲᠣᠭᠲᠠᠭᠠᠨ᠂ ᠡᠯ᠎ᠡ ᠠᠵᠤ ᠠᠬᠤᠶᠢᠯᠠᠯ ᠤᠨ ᠥᠭᠴᠡᠭᠡᠨ ᠤ ᠶᠠᠪᠤᠳᠠᠯ ᠤᠨ ᠲᠦᠭᠰᠢᠭᠦᠷᠢ ᠶᠢᠨ ᠪᠠᠷᠢᠮᠵᠢᠶ᠎ᠠ ᠶᠢ ᠲᠣᠭᠲᠠᠭᠠᠵᠤ᠂ | ᠠᠵᠤ ᠠᠬᠤᠶᠢᠯᠠᠯ ᠤᠨ ᠥᠭᠴᠡᠭᠡᠨ ᠤ ᠶᠠᠪᠤᠳᠠᠯ ᠤᠨ ᠲᠦᠭᠰᠢᠭᠦᠷᠢ ᠶᠢᠨ ᠠᠵᠢᠯ ᠤᠨ ᠲᠥᠰᠥᠯ ᠪᠠ ᠪᠣᠳᠠᠲᠠᠢ ᠪᠡᠯᠡᠳᠬᠡᠯ ᠲᠥᠰᠥᠯ ᠢ ᠲᠣᠭᠲᠠᠭᠠᠬᠤ ᠬᠡᠷᠡᠭᠲᠡᠢ᠃ | ᠭᠤᠷᠪᠠ ᠳᠤ᠂ ᠬᠢᠨᠠᠯᠲᠠ ᠬᠠᠮᠢᠶᠠᠷᠤᠯᠲᠠ ᠪᠠᠨ ᠴᠢᠩᠭᠠᠷᠠᠭᠤᠯᠵᠤ᠂ ᠲᠥᠷᠥᠯ ᠬᠤᠪᠢᠶᠠᠨ ᠬᠠᠮᠢᠶᠠᠷᠤᠨ ᠡᠵᠡᠮᠳᠡᠪᠡ᠃ ᠬᠢᠨᠠᠨ ᠬᠠᠮᠢᠶᠠᠷᠬᠤ ᠠᠵᠤ ᠠᠬᠤᠶᠢᠯᠠᠯ ᠢ ᠵᠢᠯᠣᠭᠤᠳᠤᠨ | ᠥᠭᠴᠡᠭᠡᠨ ᠤ ᠶᠠᠪᠤᠳᠠᠯ ᠤᠨ ᠲᠦᠭᠰᠢᠭᠦᠷᠢ ᠶᠢ ᠡᠵᠡᠮᠳᠡᠬᠦ ᠭᠦᠢᠴᠡᠳᠬᠡᠯ ᠲᠣᠭᠠᠨ ᠤ ᠰᠢᠰᠲ᠋ᠧᠮᠵᠢ ᠶᠢ ᠲᠣᠭᠲᠠᠭᠠᠵᠤ᠂ ᠡᠯ᠎ᠡ ᠠᠵᠤ ᠠᠬᠤᠶᠢᠯᠠᠯ ᠤᠨ ᠥᠭᠴᠡᠭᠡᠨ ᠤ | ᠶᠠᠪᠤᠳᠠᠯ ᠤᠨ ᠲᠦᠭᠰᠢᠭᠦᠷᠢ ᠶᠢᠨ ᠪᠠᠷᠢᠮᠵᠢᠶ᠎ᠠ ᠶᠢ ᠲᠣᠭᠲᠠᠭᠠᠨ᠂ ᠬᠥᠷᠥᠩᠭᠡ ᠥᠷᠢ ᠶᠢᠨ ᠨᠣᠷᠮ᠎ᠠ ᠨᠢ ᠨᠡᠯᠢᠶᠡᠳ ᠥᠨᠳᠥᠷ ᠠᠵᠤ ᠠᠬᠤᠶᠢᠯᠠᠯ ᠢ ᠤᠯᠤᠰ ᠤᠨ ᠥᠮᠴᠢᠯᠡᠯᠲᠦ | ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠥᠭᠴᠡᠭᠡᠨ ᠤ ᠶᠠᠪᠤᠳᠠᠯ ᠤᠨ ᠬᠠᠮᠢᠶᠠᠷᠤᠨ ᠡᠵᠡᠮᠳᠡᠬᠦ ᠬᠡᠪᠴᠢᠶᠡᠨ ᠳᠤ ᠣᠷᠣᠭᠤᠯᠵᠤ᠂ ᠥᠭᠴᠡᠭᠡᠨ ᠤ | ᠶᠠᠪᠤᠳᠠᠯ ᠤᠨ ᠲᠦᠭᠰᠢᠭᠦᠷᠢ ᠨᠢ ᠮᠠᠰᠢ ᠥᠨᠳᠥᠷ ᠠᠵᠤ ᠠᠬᠤᠶᠢᠯᠠᠯ ᠳᠤ ᠬᠥᠷᠥᠩᠭᠡ ᠥᠷᠢ ᠶᠢᠨ ᠨᠣᠷᠮ᠎ᠠ ᠪᠠ ᠥᠷᠢ ᠥᠭᠴᠡᠭᠡᠨ ᠤ ᠶᠡᠷᠦᠩᠬᠡᠢ ᠲᠣᠭᠠᠨ ᠤ ᠳᠠᠪᠬᠤᠷ | ᠬᠠᠮᠢᠶᠠᠷᠤᠯᠲᠠ ᠡᠵᠡᠮᠳᠡᠯ ᠶᠠᠪᠤᠭᠤᠯᠵᠤ᠂ ᠭᠤᠣᠯᠳᠠᠯᠭ᠎ᠠ ᠲᠠᠢ ᠪᠠᠷ ᠬᠠᠮᠢᠶᠠᠷᠤᠨ ᠡᠵᠡᠮᠳᠡᠬᠦ ᠠᠵᠤ ᠠᠬᠤᠶᠢᠯᠠᠯ ᠤᠨ ᠥᠷᠢ ᠥᠭᠴᠡᠭᠡ ᠶᠢ ᠪᠠᠭᠤᠷᠠᠭᠤᠯᠬᠤ ᠡᠭᠦᠷᠭᠡ ᠶᠢ | ᠣᠨ ᠤ ᠡᠵᠡᠩᠨᠡᠯᠲᠡ ᠶᠢᠨ ᠦᠢᠯᠡᠰ ᠤᠨ ᠠᠵᠢᠯ ᠤᠨ ᠦᠷ᠎ᠡ ᠪᠦᠲᠦᠮᠵᠢ ᠶᠢᠨ ᠰᠢᠯᠭᠠᠯᠲᠠ ᠬᠢᠨᠠᠯᠲᠠ ᠳᠤ ᠣᠷᠣᠭᠤᠯᠤᠨ᠂ ᠬᠥᠰᠢᠭᠦᠷᠭᠡ ᠶᠢ ᠳᠣᠷᠣᠭᠰᠢᠯᠠᠭᠤᠯᠤᠨ ᠥᠷᠢ | ᠥᠭᠴᠡᠭᠡ ᠪᠠᠨ ᠪᠠᠭᠤᠷᠠᠭᠤᠯᠤᠭᠰᠠᠨ ᠦᠷ᠎ᠡ ᠪᠦᠲᠦᠮᠵᠢ ᠪᠠᠷ ᠠᠵᠤ ᠠᠬᠤᠶᠢᠯᠠᠯ ᠢ ᠰᠢᠯᠭᠠᠨ ᠬᠢᠨᠠᠬᠤ ᠪᠠ ᠦᠨᠡᠯᠡᠯᠲᠡ ᠬᠢᠬᠦ ᠴᠢᠬᠤᠯᠠ ᠠᠭᠤᠯᠭ᠎ᠠ ᠪᠣᠯᠭᠠᠵᠤ᠂ ᠥᠷᠢ | ᠥᠭᠴᠡᠭᠡᠨ ᠤ ᠨᠣᠷᠮ᠎ᠠ ᠨᠢ ᠦᠷᠭᠦᠯᠵᠢᠯᠡᠨ ᠳᠡᠭᠡᠭᠰᠢᠯᠡᠵᠦ ᠪᠠᠶᠢᠭ᠎ᠠ ᠠᠵᠤ ᠠᠬᠤᠶᠢᠯᠠᠯ ᠲᠠᠢ ᠪᠣᠯᠵᠣᠨ ᠶᠠᠷᠢᠯᠴᠠᠬᠤ ᠪᠠ ᠠᠩᠬᠠᠷᠤᠭᠤᠯᠤᠨ ᠰᠠᠨᠠᠭᠤᠯᠵᠤ᠂ ᠴᠢᠬᠤᠯᠠ ᠶᠡᠭᠡ | ᠬᠤᠬᠢᠷᠠᠯ ᠪᠤᠶᠤ ᠡᠷᠡᠭᠦᠯ ᠪᠤᠰᠤ ᠨᠥᠯᠥᠭᠡ ᠶᠢ ᠪᠣᠢ ᠪᠣᠯᠭᠠᠭᠰᠠᠨ ᠪᠣᠯ ᠲᠥᠪ ᠴᠢᠩᠭ᠎ᠠ ᠪᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ︔ ᠡᠭᠦᠨ ᠤ ᠬᠠᠮᠲᠤ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠪᠡᠯᠡ ᠮᠥᠩᠭᠦ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠠᠵᠤ ᠠᠬᠤᠶᠢᠯᠠᠯ ᠳᠤ ᠬᠥᠷᠥᠩᠭᠡ | ᠮᠥᠩᠭᠦ ᠣᠷᠣᠭᠤᠯᠬᠤ ᠡᠷᠴᠢᠮ ᠢᠶᠠᠨ ᠴᠢᠩᠭᠠᠷᠠᠭᠤᠯᠤᠨ᠎ᠠ︔ ᠠᠵᠤ ᠠᠬᠤᠶᠢᠯᠠᠯ ᠢ ᠳᠡᠮᠵᠢᠨ ᠦᠯᠡᠳᠡᠭᠡᠯ ᠡᠳ᠋ ᠬᠥᠷᠥᠩᠭᠡ ᠶᠢ ᠨᠢ ᠭᠦᠢᠯᠭᠡᠭᠡᠨ ᠲᠠᠢ ᠪᠣᠯᠭᠠᠵᠤ | ᠥᠭᠴᠡᠭᠡᠨ ᠤ ᠶᠠᠪᠤᠳᠠᠯ ᠤᠨ ᠪᠦᠲᠦᠴᠡ ᠶᠢ ᠨᠢ ᠰᠢᠯᠢᠳᠡᠭᠵᠢᠭᠦᠯᠦᠨ᠎ᠡ᠃ | ᠬᠥᠲᠥᠯᠥᠭᠴᠢ᠄ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠷᠢ ᠥᠭᠴᠡᠭᠡ ᠶᠢ ᠪᠠᠭᠤᠷᠠᠭᠤᠯᠬᠤ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠢ︖ | ᠡᠾᠧ ᠢᠦᠢ ᠴᠦᠨ᠄ | ᠨᠢᠭᠡ ᠳᠤ᠂ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠪᠦᠲᠦᠮᠵᠢ ᠪᠠᠨ ᠨᠡᠮᠡᠭᠳᠡᠭᠦᠯᠵᠦ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠪᠡ᠃ ᠤᠯᠤᠰ ᠤᠨ | ᠥᠮᠴᠢᠯᠡᠯᠲᠦ ᠠᠵᠤ ᠠᠬᠤᠶᠢᠯᠠᠯ ᠠᠴᠠ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠪᠦᠲᠦᠮᠵᠢ ᠪᠠᠨ ᠨᠡᠮᠡᠭᠳᠡᠭᠦᠯᠵᠦ᠂ ᠳᠣᠲᠣᠭᠠᠳᠤ ᠶᠢᠨ ᠬᠦᠴᠦᠨ ᠲᠠᠮᠢᠷ ᠢᠶᠠᠨ | ᠴᠢᠩᠭᠠᠷᠠᠭᠤᠯᠤᠨ ᠪᠣᠯᠪᠠᠰᠤᠷᠠᠭᠤᠯᠬᠤ ᠶᠢ ᠪᠠᠷᠢᠮᠲᠠᠯᠠᠵᠤ᠂ ᠡᠵᠡᠩᠨᠡᠯᠲᠡ ᠬᠤᠷᠠᠮᠳᠤᠭᠤᠯᠭ᠎ᠠ ᠪᠠᠨ ᠥᠷᠭᠡᠳᠬᠡᠬᠦ ᠪᠠᠷ ᠳᠠᠮᠵᠢᠭᠤᠯᠤᠨ ᠠᠵᠤ ᠠᠬᠤᠶᠢᠯᠠᠯ ᠤᠨ ᠬᠥᠷᠥᠩᠭᠡ ᠶᠢᠨ | ᠪᠣᠳᠠᠲᠤ ᠬᠦᠴᠦᠨ ᠢᠶᠠᠨ ᠴᠢᠩᠭᠠᠷᠠᠭᠤᠯᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠠᠯᠳᠠᠭᠳᠠᠯ ᠢ ᠴᠢᠩᠭ᠎ᠠ ᠰᠡᠷᠭᠡᠶᠢᠯᠡᠭᠰᠡᠨ ᠤᠷᠢᠳᠠᠯ ᠳᠣᠣᠷ᠎ᠠ᠂ ᠬᠥᠷᠥᠩᠭᠡ | ᠥᠷᠢ ᠶᠢᠨ ᠨᠣᠷᠮ᠎ᠠ ᠪᠠᠨ ᠲᠠᠰᠤᠷᠠᠯᠲᠠ ᠦᠭᠡᠢ ᠪᠠᠭᠤᠷᠠᠭᠤᠯᠬᠤ ᠬᠡᠷᠡᠭᠲᠡᠢ᠃ ᠡᠭᠦᠨ ᠤ ᠬᠠᠮᠲᠤ᠂ ᠥᠨᠳᠥᠷ ᠥᠷᠢ ᠥᠭᠴᠡᠭᠡ ᠲᠠᠢ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠬᠥᠷᠥᠩᠭᠡ ᠥᠷᠢ ᠶᠢᠨ ᠨᠣᠷᠮ᠎ᠠ ᠪᠠᠨ ᠪᠠᠭᠤᠷᠠᠭᠤᠯᠬᠤ ᠳᠤ ᠲᠥᠷᠥ ᠶᠢᠨ ᠪᠣᠳᠣᠯᠭ᠎ᠠ ᠪᠠ ᠳᠦᠷᠢᠮ ᠤᠨ ᠰᠠᠶᠢᠨ ᠰᠠᠶᠢᠬᠠᠨ ᠣᠷᠴᠢᠨ ᠠᠬᠤᠢ ᠶᠢ ᠡᠭᠦᠳᠦᠨ | ᠥᠭᠬᠦ ᠶᠢᠨ ᠲᠤᠰᠠᠳᠠ᠂ ᠬᠥᠷᠥᠩᠭᠡ ᠶᠢᠨ ᠨᠥᠬᠦᠪᠦᠷᠢᠯᠡᠨ ᠬᠠᠳᠠᠭᠠᠯᠠᠬᠤ ᠲᠣᠭᠲᠠᠴᠠ ᠶᠢ ᠲᠡᠭᠦᠯᠳᠡᠷᠵᠢᠭᠦᠯᠦᠨ᠂ ᠰᠲ᠋ᠣᠺ ᠤᠨ ᠡᠷᠬᠡ ᠶᠢᠨ ᠪᠡᠯᠡ ᠲᠣᠬᠢᠷᠠᠭᠤᠯᠤᠯᠲᠠ ᠶᠢ | ᠥᠷᠭᠡᠳᠬᠡᠵᠦ᠂ ᠥᠭᠴᠡᠭᠡᠨ ᠤ ᠶᠠᠪᠤᠳᠠᠯ ᠢ ᠳᠠᠬᠢᠨ ᠵᠣᠬᠢᠶᠠᠨ ᠪᠠᠶᠢᠭᠤᠯᠬᠤ ᠪᠠ ᠵᠠᠬ᠎ᠠ ᠳᠡᠯᠭᠡᠭᠦᠷᠴᠢᠯᠡᠨ᠂ ᠬᠠᠤᠯᠢ ᠪᠠᠷ ᠵᠠᠰᠠᠵᠢᠵᠤ ᠪᠠᠶᠢᠭᠠᠳ ᠥᠷᠢ ᠥᠭᠴᠡᠭᠡ ᠶᠢ | ᠰᠲ᠋ᠣᠺ ᠪᠣᠯᠭᠠᠨ ᠬᠤᠪᠢᠷᠠᠭᠤᠯᠬᠤ ᠶᠢ ᠲᠣᠭᠲᠠᠭᠤᠨ ᠪᠥᠭᠡᠳ ᠡᠮᠬᠢ ᠵᠢᠷᠤᠮ ᠲᠠᠢ ᠪᠠᠷ ᠥᠷᠨᠢᠭᠦᠯᠬᠦ ᠬᠡᠷᠡᠭᠲᠡᠢ᠃ ᠬᠤᠶᠠᠷ ᠲᠤ᠂ ᠪᠡᠯᠡ ᠣᠷᠣᠭᠤᠯᠤᠯᠲᠠ ᠶᠢᠨ | ᠲᠦᠭᠰᠢᠭᠦᠷᠢ ᠶᠢ ᠴᠢᠩᠭ᠎ᠠ ᠬᠢᠵᠠᠭᠠᠷᠯᠠᠵᠤ᠂ ᠲᠦᠭᠰᠢᠭᠦᠷᠢ ᠲᠠᠢ ᠠᠵᠢᠯ ᠮᠡᠷᠭᠡᠵᠢᠯ ᠢ ᠢᠯᠭᠠᠨ ᠴᠡᠪᠡᠷᠯᠡᠪᠡ᠃ ᠨᠢᠭᠡ ᠳᠤ ᠪᠡᠯᠡ ᠣᠷᠣᠭᠤᠯᠤᠯᠲᠠ ᠶᠢᠨ ᠬᠡᠪᠴᠢᠶ᠎ᠡ ᠶᠢ | ᠬᠢᠵᠠᠭᠠᠷᠯᠠᠬᠤ ᠪᠠᠷ ᠲᠦᠭᠰᠢᠭᠦᠷᠢ ᠶᠢ ᠡᠵᠡᠮᠳᠡᠬᠦ ᠴᠢᠬᠤᠯᠠ ᠠᠷᠭ᠎ᠠ ᠬᠡᠮᠵᠢᠶ᠎ᠡ ᠪᠣᠯᠭᠠᠪᠠ᠃ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠵᠥᠪᠯᠡᠯ ᠤᠨ ᠬᠠᠮᠢᠶᠠᠷᠤᠨ ᠡᠵᠡᠮᠳᠡᠬᠦ ᠬᠡᠪᠴᠢᠶᠡᠨ ᠳᠤ ᠣᠷᠣᠭᠤᠯᠤᠭᠰᠠᠨ ᠠᠵᠤ ᠠᠬᠤᠶᠢᠯᠠᠯ ᠤᠨ ᠪᠡᠯᠡ ᠣᠷᠣᠭᠤᠯᠬᠤ ᠬᠡᠪᠴᠢᠶ᠎ᠡ ᠶᠢ ᠴᠢᠩᠭ᠎ᠠ ᠬᠠᠮᠢᠶᠠᠷᠤᠨ ᠡᠵᠡᠮᠳᠡᠵᠦ᠂ | ᠥᠨᠳᠥᠷ ᠥᠷᠢ ᠥᠭᠴᠡᠭᠡ ᠲᠠᠢ ᠠᠵᠤ ᠠᠬᠤᠶᠢᠯᠠᠯ ᠤᠨ ᠭᠤᠣᠯ ᠪᠤᠰᠤ ᠠᠵᠢᠯ ᠦᠢᠯᠡᠰ ᠲᠤ ᠪᠡᠯᠡ ᠣᠷᠣᠭᠤᠯᠬᠤ ᠶᠢ ᠴᠠᠭᠠᠵᠠᠯᠠᠨ᠂ ᠳᠣᠣᠷ᠎ᠠ ᠦᠷ᠎ᠡ ᠠᠰᠢᠭᠲᠤ ᠠᠵᠢᠯ | ᠮᠡᠷᠭᠡᠵᠢᠯ ᠪᠠ ᠭᠤᠣᠯ ᠠᠵᠢᠯ ᠦᠢᠯᠡᠰ ᠠᠴᠠ ᠰᠠᠯᠤᠩᠭᠢᠷᠠᠭᠰᠠᠨ ᠪᠡᠯᠡ ᠣᠷᠣᠭᠤᠯᠤᠯᠲᠠ᠂ ᠣᠨᠴᠠᠭᠠᠶᠢᠯᠠᠨ ᠡᠳ᠋ ᠤᠨ ᠶᠠᠪᠤᠳᠠᠯ ᠤᠨ ᠳᠠᠭᠠᠭᠠᠨ ᠬᠦᠴᠦᠷᠡᠬᠦ | ᠴᠢᠳᠠᠪᠤᠷᠢ ᠠᠴᠠ ᠬᠡᠲᠦᠷᠡᠭᠰᠡᠨ ᠪᠡᠯᠡ ᠣᠷᠣᠭᠤᠯᠤᠯᠲᠠ ᠶᠢ ᠴᠢᠩᠭ᠎ᠠ ᠬᠢᠵᠠᠭᠠᠷᠯᠠᠬᠤ ᠬᠡᠷᠡᠭᠲᠡᠢ᠃ ᠬᠤᠶᠠᠷ ᠲᠤ ᠪᠡᠯᠡ ᠮᠥᠩᠭᠦ ᠵᠠᠷᠤᠴᠠᠭᠤᠯᠬᠤ ᠶᠢ ᠬᠢᠨᠠᠨ ᠬᠠᠮᠢᠶᠠᠷᠬᠤ | ᠠᠵᠤ ᠠᠬᠤᠶᠢᠯᠠᠯ ᠤᠨ ᠪᠡᠯᠡ ᠣᠷᠣᠭᠤᠯᠤᠯᠲᠠ ᠳᠤ ᠬᠢᠨᠠᠯᠲᠠ ᠲᠠᠯᠪᠢᠵᠤ ᠬᠠᠮᠢᠶᠠᠷᠬᠤ ᠠᠷᠭ᠎ᠠ ᠶᠢᠨ ᠬᠡᠷᠡᠭᠵᠢᠭᠦᠯᠬᠦ ᠨᠠᠷᠢᠨ ᠳᠦᠷᠢᠮ ᠢ ᠰᠤᠳᠤᠯᠤᠨ ᠲᠣᠭᠲᠠᠭᠠᠵᠤ᠂ ᠠᠵᠤ | ᠠᠬᠤᠶᠢᠯᠠᠯ ᠤᠨ ᠴᠢᠬᠤᠯᠠ ᠶᠡᠭᠡ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠤᠷᠢᠳᠴᠢᠯᠠᠨ ᠮᠡᠳᠡᠭᠦᠯᠬᠦ ᠳᠦᠷᠢᠮ ᠪᠠ ᠭᠤᠷᠪᠠᠳᠠᠭᠴᠢ ᠲᠠᠯ᠎ᠠ ᠶᠢᠨ ᠦᠨᠡᠯᠡᠨ ᠵᠢᠱᠢᠬᠦ | ᠳᠦᠷᠢᠮ ᠢ ᠪᠠᠶᠢᠭᠤᠯᠵᠤ᠂ ᠪᠡᠯᠡ ᠣᠷᠣᠭᠤᠯᠤᠯᠲᠠ ᠶᠢᠨ ᠬᠡᠷᠡᠭ ᠶᠠᠪᠤᠳᠠᠯ ᠤᠨ ᠡᠮᠦᠨᠡᠬᠢ᠂ ᠬᠡᠷᠡᠭ ᠶᠠᠪᠤᠳᠠᠯ ᠤᠨ ᠳᠤᠮᠳᠠᠬᠢ᠂ ᠬᠡᠷᠡᠭ ᠶᠠᠪᠤᠳᠠᠯ ᠤᠨ ᠳᠠᠷᠠᠭᠠᠬᠢ | ᠱᠠᠭᠠᠷᠳᠠᠯᠭ᠎ᠠ ᠶᠢ ᠨᠠᠷᠢᠯᠢᠭᠵᠢᠭᠤᠯᠵᠤ᠂ ᠪᠡᠯᠡ ᠣᠷᠣᠭᠤᠯᠤᠯᠲᠠ ᠳᠤ ᠬᠢᠨᠠᠯᠲᠠ ᠲᠠᠯᠪᠢᠬᠤ ᠪᠦᠷᠢᠨ ᠲᠡᠭᠦᠯᠳᠡᠷ ᠪᠢᠲᠡᠭᠦᠮᠵᠢᠲᠦ ᠭᠤᠭᠴᠤᠭ᠎ᠠ ᠶᠢ ᠪᠦᠷᠢᠯᠳᠦᠭᠦᠯᠬᠦ ᠬᠡᠷᠡᠭᠲᠡᠢ︔ | ᠥᠷᠢ ᠥᠭᠴᠡᠭᠡᠨ ᠤ ᠨᠣᠷᠮ᠎ᠠ ᠶᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠦᠭᠰᠡᠨ ᠣᠨᠴᠠᠭᠠᠶᠢᠯᠠᠨ ᠬᠢᠨᠠᠨ ᠬᠠᠮᠢᠶᠠᠷᠬᠤ ᠲᠥᠷᠥᠯ ᠤᠨ ᠲᠥᠷᠥᠯ ᠵᠦᠢᠯ ᠤᠨ ᠣᠷᠣᠭᠤᠯᠤᠯᠲᠠ ᠶᠢ | ᠴᠢᠩᠭ᠎ᠠ ᠬᠢᠵᠠᠭᠠᠷᠯᠠᠵᠤ᠂ ᠬᠥᠷᠥᠩᠭᠡ ᠨᠢ ᠥᠷᠢ ᠳᠤ ᠪᠠᠨ ᠬᠦᠷᠬᠦ ᠦᠭᠡᠢ ᠦᠵᠡᠭᠳᠡᠯ ᠡᠭᠦᠰᠬᠦ ᠠᠴᠠ ᠡᠷᠡᠰ ᠰᠡᠷᠭᠡᠶᠢᠯᠡᠬᠦ ᠬᠡᠷᠡᠭᠲᠡᠢ︔ ᠭᠤᠷᠪᠠ ᠳᠤ ᠥᠷᠢ ᠥᠭᠴᠡᠭᠡᠨ ᠤ | ᠨᠣᠷᠮ᠎ᠠ ᠨᠢ ᠨᠡᠯᠢᠶᠡᠳ ᠥᠨᠳᠥᠷ᠂ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠨᠢ ᠨᠡᠯᠢᠶᠡᠳ ᠪᠠᠭᠤᠷᠢ ᠠᠵᠤ ᠠᠬᠤᠶᠢᠯᠠᠯ ᠳᠤ᠂ ᠲᠦᠭᠰᠢᠭᠦᠷᠢ ᠣᠷᠣᠰᠢᠵᠤ ᠪᠠᠶᠢᠭ᠎ᠠ | ᠠᠵᠢᠯ ᠮᠡᠷᠭᠡᠵᠢᠯ ᠢ ᠴᠢᠩᠭ᠎ᠠ ᠬᠠᠮᠢᠶᠠᠷᠬᠤ ᠪᠠ ᠬᠢᠨᠠᠮᠠᠭᠠᠢ ᠢᠯᠭᠠᠨ ᠴᠡᠪᠡᠷᠯᠡᠪᠡ᠂ ᠡᠭᠦᠨ ᠳᠤ ᠭᠤᠣᠯᠳᠠᠭᠤ ᠬᠤᠷᠢᠶᠠᠪᠠᠰᠤ ᠵᠣᠬᠢᠬᠤ ᠳᠠᠩᠰᠠᠨ ᠤ ᠵᠣᠭᠤᠰ ᠪᠠ ᠦᠯᠡᠳᠡᠭᠡᠯ | ᠪᠠᠷᠠᠭ᠎ᠠ ᠶᠢ ᠡᠵᠡᠯᠡᠨ ᠬᠡᠷᠡᠭᠯᠡᠬᠦ᠂ ᠭᠠᠳᠠᠭᠰᠢ ᠬᠢᠭᠰᠡᠨ ᠳᠠᠭᠠᠭᠠᠯᠲᠠ᠂ ᠨᠠᠶᠢᠳᠠᠭᠰᠠᠨ ᠵᠢᠭᠡᠯᠡᠯᠭᠡ ᠵᠢᠴᠢ ᠪᠡᠯᠡ ᠲᠣᠬᠢᠷᠠᠭᠤᠯᠤᠯᠲᠠ ᠶᠢᠨ ᠴᠢᠨᠠᠷᠲᠠᠢ ᠠᠷᠠᠯᠵᠢᠶᠠᠨ ᠤ ᠠᠵᠢᠯ | ᠮᠡᠷᠭᠡᠵᠢᠯ ᠵᠡᠷᠭᠡ ᠡᠯ᠎ᠡ ᠲᠥᠷᠥᠯ ᠤᠨ ᠬᠥᠷᠥᠩᠭᠡ ᠶᠢ ᠣᠷᠣᠯᠠᠨ ᠲᠥᠯᠥᠬᠦ ᠠᠵᠢᠯ ᠮᠡᠷᠭᠡᠵᠢᠯ ᠢ ᠪᠠᠭᠲᠠᠭᠠᠵᠤ ᠪᠠᠶᠢᠨ᠎ᠠ᠃ 2018 ᠣᠨ ᠳᠤ ︽ᠬᠤᠶᠠᠷ ᠵᠦᠢᠯ ᠤᠨ | ᠮᠥᠩᠭᠦ︾ ᠶᠢᠨ ᠳᠠᠷᠤᠭᠠᠰᠤ ᠶᠢ ᠬᠥᠩᠭᠡᠯᠡᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠤᠨ᠂ ︽ᠬᠤᠶᠠᠷ ᠵᠦᠢᠯ ᠤᠨ ᠮᠥᠩᠭᠦ︾ ᠶᠢᠨ ᠨᠡᠮᠡᠭᠳᠡᠯ ᠤᠨ ᠬᠡᠮᠵᠢᠶ᠎ᠡ ᠶᠢ | ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠡ ᠠᠴᠠ ᠳᠣᠣᠷ᠎ᠠ ᠪᠠᠶᠢᠯᠭᠠᠬᠤ ᠶᠢ ᠪᠠᠲᠤᠯᠠᠵᠠᠢ᠃ | ᠡᠾᠧ ᠢᠦᠢ ᠴᠦᠨ᠄ | ᠭᠤᠷᠪᠠ ᠳᠤ᠂ ᠲᠤᠬᠠᠶᠢᠯᠠᠭᠰᠠᠨ ᠠᠵᠢᠯ ᠢᠶᠠᠨ ᠬᠠᠰᠤᠵᠤ ᠠᠰᠢᠭᠲᠠᠢ ᠬᠥᠭᠵᠢᠯᠲᠡ ᠶᠢ ᠠᠬᠢᠭᠤᠯᠪᠠ᠃ ᠦᠯᠡᠭᠦᠳᠡᠭᠰᠡᠨ ᠦᠢᠯᠡᠳᠪᠦᠷᠢᠯᠡᠬᠦ ᠴᠢᠳᠠᠪᠤᠷᠢ ᠪᠠᠨ | ᠬᠠᠰᠤᠨ ᠠᠪᠴᠢᠭᠤᠯᠵᠤ᠂ ᠬᠡᠮᠵᠢᠶ᠎ᠡ ᠶᠢ ᠨᠢ ᠬᠠᠰᠤᠵᠤ ᠲᠣᠬᠢᠷᠠᠭᠤᠯᠤᠨ ᠰᠣᠯᠢᠬᠤ ᠵᠠᠷᠴᠢᠮ ᠶᠣᠰᠣᠭᠠᠷ ᠰᠢᠨ᠎ᠡ ᠪᠠᠷ ᠨᠡᠮᠡᠭᠳᠡᠭᠰᠡᠨ ᠦᠢᠯᠡᠳᠪᠦᠷᠢᠯᠡᠬᠦ ᠴᠢᠳᠠᠪᠤᠷᠢ ᠶᠢᠨ | ᠲᠥᠷᠥᠯ ᠵᠦᠢᠯ ᠤᠨ ᠪᠡᠯᠡ ᠣᠷᠣᠭᠤᠯᠤᠯᠲᠠ ᠶᠢ ᠴᠢᠩᠭ᠎ᠠ ᠬᠢᠵᠠᠭᠠᠷᠯᠠᠪᠠ︔ ᠬᠠᠮᠢᠶᠠᠷᠤᠯᠲᠠ ᠶᠢᠨ ᠪᠦᠲᠦᠴᠡ ᠪᠠᠨ ᠰᠢᠯᠢᠳᠡᠭᠵᠢᠭᠦᠯᠦᠨ᠂ ᠲᠤᠬᠠᠶᠢᠯᠠᠭᠰᠠᠨ ᠠᠵᠢᠯ ᠢᠶᠠᠨ | ᠴᠣᠮᠬᠠᠳᠬᠠᠨ ᠴᠢᠩᠭᠠᠷᠠᠭᠤᠯᠵᠤ᠂ ᠬᠠᠮᠢᠶᠠᠷᠤᠯᠲᠠ ᠶᠢᠨ ᠱᠠᠲᠤ ᠳᠡᠰ ᠢᠶᠠᠨ ᠴᠣᠮᠬᠠᠳᠬᠠᠵᠤ᠂ ᠴᠣᠮᠬᠠᠳᠬᠠᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠦᠨ᠂ ᠠᠵᠤ | ᠠᠬᠤᠶᠢᠯᠠᠯ ᠤᠨ ᠬᠠᠮᠢᠶᠠᠷᠤᠨ ᠡᠵᠡᠮᠳᠡᠬᠦ ᠴᠢᠳᠠᠪᠤᠷᠢ ᠪᠠ ᠠᠵᠢᠯᠯᠠᠭᠤᠯᠬᠤ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠪᠡ᠃ ᠤᠷᠲᠤ ᠬᠤᠭᠤᠴᠠᠭ᠎ᠠ ᠪᠠᠷ ᠠᠯᠳᠠᠭᠳᠠᠯ | ᠲᠠᠢ᠂ ᠠᠯᠳᠠᠭᠳᠠᠯ ᠲᠠᠢ ᠪᠠᠶᠢᠳᠠᠯ ᠢᠶᠠᠨ ᠡᠷᠭᠢᠭᠦᠯᠬᠦ ᠳᠤ ᠬᠦᠴᠢᠷᠲᠡᠢ ᠠᠵᠤ ᠠᠬᠤᠶᠢᠯᠠᠯ᠂ ︽ᠦᠬᠦᠮᠡᠯ ᠠᠵᠤ ᠠᠬᠤᠶᠢᠯᠠᠯ︾ ᠪᠠ ᠳᠣᠣᠷ᠎ᠠ ᠦᠷ᠎ᠡ ᠪᠦᠲᠦᠮᠵᠢ ᠪᠤᠶᠤ | ᠦᠷ᠎ᠡ ᠪᠦᠲᠦᠮᠵᠢ ᠦᠭᠡᠢ ᠡᠳ᠋ ᠬᠥᠷᠥᠩᠭᠡ ᠶᠢ ᠢᠯᠭᠠᠨ ᠴᠡᠪᠡᠷᠯᠡᠬᠦ ᠡᠷᠴᠢᠮ ᠢ ᠴᠢᠩᠭᠠᠷᠠᠭᠤᠯᠵᠤ᠂ ᠬᠥᠭᠵᠢᠯᠲᠡ ᠶᠢᠨ ᠳᠠᠪᠠᠭᠤᠯᠢᠭ ᠦᠭᠡᠢ ᠭᠤᠣᠯ ᠡᠵᠡᠩᠨᠡᠯᠲᠡ ᠶᠢᠨ | ᠪᠤᠰᠤ ᠨᠢᠭᠡ ᠪᠦᠯᠦᠭ ᠠᠵᠢᠯ ᠮᠡᠷᠭᠡᠵᠢᠯ ᠢ ᠶᠡᠭᠡ ᠪᠠᠷ ᠪᠤᠴᠠᠭᠠᠨ ᠭᠠᠷᠭᠠᠵᠤ᠂ ᠰᠠᠯᠤᠩᠭᠢᠳᠠ ᠠᠵᠤ ᠠᠬᠤᠶᠢᠯᠠᠯ ᠤᠨ ᠨᠡᠶᠢᠭᠡᠮ ᠤᠨ ᠡᠭᠦᠷᠭᠡ ᠴᠢᠳᠠᠪᠤᠷᠢ ᠶᠢ ᠭᠦᠢᠴᠡᠳᠬᠡᠬᠦ | ᠪᠠ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠡᠭᠦᠷᠭᠡ ᠶᠢ ᠲᠣᠭᠲᠠᠭᠰᠠᠨ ᠴᠠᠭ ᠶᠣᠰᠣᠭᠠᠷ ᠪᠡᠶᠡᠯᠡᠭᠦᠯᠵᠦ᠂ ᠤᠯᠤᠰ ᠤᠨ ᠥᠮᠴᠢᠯᠡᠯᠲᠦ | ᠬᠥᠷᠥᠩᠭᠡ ᠶᠢᠨ ᠲᠥᠯᠥᠪ ᠪᠠᠶᠢᠳᠠᠯ ᠢ ᠬᠤᠪᠢᠷᠠᠭᠤᠯᠬᠤ ᠪᠠ ᠪᠦᠲᠦᠴᠡ ᠶᠢ ᠲᠣᠬᠢᠷᠠᠭᠤᠯᠬᠤ ᠶᠢ ᠢᠳᠡᠪᠬᠢᠲᠡᠢ ᠠᠬᠢᠭᠤᠯᠵᠤ᠂ ᠤᠯᠤᠰ ᠤᠨ ᠥᠮᠴᠢᠯᠡᠯᠲᠦ ᠬᠥᠷᠥᠩᠭᠡ ᠶᠢᠨ | ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠳᠥᠷᠪᠡ ᠳᠤ᠂ ᠰᠲ᠋ᠣᠺ ᠤᠨ ᠡᠷᠬᠡ ᠶᠢᠨ ᠪᠡᠯᠡ ᠲᠣᠬᠢᠷᠠᠭᠤᠯᠤᠯᠲᠠ ᠪᠠ ᠥᠷᠢ ᠥᠭᠴᠡᠭᠡ ᠶᠢ ᠰᠲ᠋ᠣᠺ | ᠪᠣᠯᠭᠠᠨ ᠬᠤᠪᠢᠷᠠᠭᠤᠯᠬᠤ ᠶᠢ ᠠᠬᠢᠭᠤᠯᠪᠠ᠃ ᠠᠵᠤ ᠠᠬᠤᠶᠢᠯᠠᠯ ᠤᠨ ᠡᠳ᠋ ᠬᠥᠷᠥᠩᠭᠡ ᠶᠢ ᠲᠡᠮᠳᠡᠭᠲᠦ ᠪᠣᠯᠭᠠᠬᠤ ᠶᠢ ᠢᠳᠡᠪᠬᠢᠲᠡᠢ ᠠᠬᠢᠭᠤᠯᠤᠨ᠂ ᠰᠲ᠋ᠣᠺ ᠤᠨ ᠡᠷᠬᠡ ᠶᠢᠨ | ᠪᠡᠯᠡ ᠲᠣᠬᠢᠷᠠᠭᠤᠯᠬᠤ ᠬᠠᠷᠢᠴᠠᠯ ᠢ ᠨᠡᠮᠡᠭᠳᠡᠭᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠳᠦᠷᠢᠮ ᠤᠨ ᠥᠭᠡᠷᠡᠴᠢᠯᠡᠯᠲᠡ ᠶᠢ | ᠲᠣᠭᠲᠠᠭᠤᠨ ᠢᠶᠠᠷ ᠠᠬᠢᠭᠤᠯᠪᠠ᠃ ᠨᠥᠬᠦᠴᠡᠯ ᠲᠠᠢ ᠠᠵᠤ ᠠᠬᠤᠶᠢᠯᠠᠯ ᠤᠨ ᠰᠢᠭᠤᠳ ᠵᠠᠬ᠎ᠠ ᠳᠡᠯᠭᠡᠭᠦᠷ ᠲᠤ ᠭᠠᠷᠬᠤ ᠶᠢ ᠦᠷᠭᠦᠯᠵᠢᠯᠡᠨ ᠠᠬᠢᠭᠤᠯᠵᠤ᠂ ᠰᠢᠭᠤᠳ ᠪᠡᠯᠡ | ᠲᠣᠬᠢᠷᠠᠭᠤᠯᠬᠤ ᠬᠠᠷᠢᠴᠠᠯ ᠢ ᠳᠡᠭᠡᠭᠰᠢᠯᠡᠭᠦᠯᠪᠡ︔ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠨᠡᠶᠢᠯᠡᠭᠦᠯᠦᠨ ᠨᠢᠭᠡᠳᠬᠡᠵᠦ ᠳᠠᠬᠢᠨ ᠵᠣᠬᠢᠶᠠᠨ ᠪᠠᠶᠢᠭᠤᠯᠬᠤ ᠡᠷᠴᠢᠮ ᠢ | ᠴᠢᠩᠭᠠᠷᠠᠭᠤᠯᠤᠨ᠂ ᠬᠤᠯᠢᠮᠠᠭ ᠥᠮᠴᠢᠯᠡᠯ ᠤᠨ ᠳᠦᠷᠢᠮ ᠤᠨ ᠥᠭᠡᠷᠡᠴᠢᠯᠡᠯᠲᠡ ᠶᠢ ᠲᠣᠭᠲᠠᠭᠤᠨ ᠢᠶᠠᠷ ᠬᠡᠷᠡᠭᠵᠢᠭᠦᠯᠵᠦ᠂ ᠠᠵᠤ ᠠᠬᠤᠶᠢᠯᠠᠯ ᠤᠨ ᠪᠦᠯᠦᠭᠯᠡᠯ ᠤᠨ ᠳᠡᠰ | ᠳᠠᠪᠬᠤᠷᠭ᠎ᠠ ᠳᠤ ᠬᠤᠯᠢᠮᠠᠭ ᠥᠮᠴᠢᠯᠡᠯ ᠤᠨ ᠳᠦᠷᠢᠮ ᠤᠨ ᠥᠭᠡᠷᠡᠴᠢᠯᠡᠯᠲᠡ ᠬᠢᠬᠦ ᠲᠤᠷᠰᠢᠯᠲᠠ ᠶᠢᠨ ᠴᠡᠭ ᠢ ᠥᠷᠨᠢᠭᠦᠯᠦᠨ᠂ ᠬᠢᠨᠠᠨ ᠬᠠᠮᠢᠶᠠᠷᠬᠤ ᠠᠵᠤ ᠠᠬᠤᠶᠢᠯᠠᠯ ᠤᠨ | ᠬᠤᠶᠠᠳᠤᠭᠠᠷ ᠱᠠᠲᠤᠨ ᠤ ᠳᠠᠭᠠᠯᠲᠠ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠳᠦᠷᠢᠮ ᠳᠤ ᠥᠭᠡᠷᠡᠴᠢᠯᠡᠯᠲᠡ ᠬᠢᠬᠦ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ | ᠨᠡᠶᠢᠭᠡᠮ ᠤᠨ ᠪᠤᠰᠤᠳ ᠡᠯ᠎ᠡ ᠲᠥᠷᠥᠯ ᠤᠨ ᠰᠢᠯᠢᠳᠡᠭ ᠴᠢᠨᠠᠷᠲᠠᠢ ᠬᠥᠷᠥᠩᠭᠡ ᠶᠢ ᠢᠳᠡᠪᠬᠢᠲᠡᠢ ᠪᠥᠭᠡᠳ ᠲᠣᠭᠲᠠᠭᠤᠨ ᠢᠶᠠᠷ ᠲᠠᠲᠠᠨ ᠣᠷᠣᠭᠤᠯᠪᠠ᠃ ᠥᠪᠡᠷᠲᠡᠭᠡᠨ | ᠵᠠᠰᠠᠬᠤ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠳᠤ ᠬᠡᠷᠡᠭᠯᠡᠬᠦ ᠰᠠᠭᠤᠷᠢ ᠮᠥᠩᠭᠦ ᠶᠢ | ᠰᠠᠨᠠᠭᠠᠴᠢᠯᠠᠭ᠎ᠠ ᠠᠴᠠ ᠪᠠᠨ ᠰᠠᠶᠢᠲᠤᠷ ᠠᠰᠢᠭᠯᠠᠪᠠ᠃ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠳᠤ ᠬᠡᠷᠡᠭᠯᠡᠬᠦ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠺᠣᠮᠫᠠᠨᠢ | ᠨᠢ ᠨᠢᠭᠡᠨᠲᠡ ᠵᠠᠬ᠎ᠠ ᠳᠡᠯᠭᠡᠭᠦᠷᠴᠢᠯᠡᠭᠰᠡᠨ ᠰᠣᠩᠭᠤᠯᠲᠠ ᠡᠯᠰᠡᠲᠡ ᠪᠠᠨ ᠪᠡᠶᠡᠯᠡᠭᠦᠯᠵᠦ᠂ ᠬᠡᠰᠡᠭ ᠬᠥᠲᠥᠯᠥᠨ ᠵᠢᠯᠣᠭᠤᠳᠬᠤ ᠳᠤ ᠬᠡᠷᠡᠭᠯᠡᠬᠦ ᠪᠡᠯᠡ ᠮᠥᠩᠭᠦ ᠶᠢ ᠨᠢᠭᠡᠨᠲᠡ | ᠭᠦᠢᠴᠡᠳ ᠲᠣᠬᠢᠷᠠᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠ ᠪᠤᠰᠤᠳ ᠡᠯ᠎ᠡ ᠲᠥᠷᠥᠯ ᠤᠨ ᠨᠡᠶᠢᠭᠡᠮ ᠤᠨ ᠬᠥᠷᠥᠩᠭᠡ ᠶᠢ ᠶᠠᠭ ᠰᠠᠶᠢᠬᠠᠨ ᠢᠳᠡᠪᠬᠢᠲᠡᠢ | ᠪᠥᠭᠡᠳ ᠲᠣᠭᠲᠠᠭᠤᠨ ᠢᠶᠠᠷ ᠬᠥᠲᠥᠯᠥᠨ ᠣᠷᠣᠭᠤᠯᠵᠤ ᠰᠠᠭᠤᠷᠢ ᠮᠥᠩᠭᠦ ᠶᠢᠨ ᠪᠡᠯᠡ ᠲᠣᠬᠢᠷᠠᠭᠤᠯᠤᠯᠲᠠ ᠳᠤ ᠣᠷᠣᠯᠴᠠᠭᠤᠯᠤᠨ᠂ ᠬᠢᠨᠠᠨ ᠬᠠᠮᠢᠶᠠᠷᠬᠤ ᠠᠵᠤ | ᠠᠬᠤᠶᠢᠯᠠᠯ ᠠᠴᠠ ᠶᠠᠭ ᠰᠠᠶᠢᠬᠠᠨ ᠰᠠᠭᠤᠷᠢ ᠮᠥᠩᠭᠦ ᠶᠢᠨ ᠲᠥᠷᠥᠯ ᠵᠦᠢᠯ ᠤᠨ ᠬᠥᠮᠥᠷᠭᠡ ᠶᠢ ᠪᠠᠶᠢᠭᠤᠯᠵᠤ᠂ ᠰᠠᠭᠤᠷᠢ ᠮᠥᠩᠭᠦ ᠶᠢᠨ ᠲᠥᠷᠥᠯ ᠵᠦᠢᠯ ᠳᠤ ᠢᠳᠡᠪᠬᠢᠲᠡᠢ | ᠣᠷᠣᠯᠴᠠᠬᠤ ᠪᠠ ᠰᠠᠨᠠᠭᠠᠴᠢᠯᠠᠭ᠎ᠠ ᠠᠴᠠ ᠪᠠᠨ ᠲᠠᠨᠢᠯᠴᠠᠭᠤᠯᠤᠨ᠂ ᠬᠡᠯᠪᠡᠷᠢ ᠪᠠᠷ ᠬᠤᠪᠢᠷᠠᠭᠤᠯᠤᠨ ᠳᠡᠰ ᠳᠡᠪᠰᠢᠬᠦ ᠳᠤ ᠬᠡᠷᠡᠭᠯᠡᠬᠦ ᠰᠠᠭᠤᠷᠢ ᠮᠥᠩᠭᠦ ᠶᠢᠨ ᠬᠥᠰᠢᠭᠦᠷᠭᠡ ᠶᠢᠨ | ᠦᠢᠯᠡᠳᠦᠯ ᠢ ᠰᠠᠶᠢᠲᠤᠷ ᠪᠠᠳᠠᠷᠠᠭᠤᠯᠵᠤ ᠪᠠᠶᠢᠨ᠎ᠠ᠃ ᠵᠠᠬ᠎ᠠ ᠳᠡᠯᠭᠡᠭᠦᠷᠴᠢᠯᠡᠬᠦ ᠪᠠ ᠬᠠᠤᠯᠢ ᠪᠠᠷ ᠵᠠᠰᠠᠵᠢᠬᠤ ᠪᠠᠷ ᠥᠷᠢ ᠥᠭᠴᠡᠭᠡ ᠶᠢ ᠰᠲ᠋ᠣᠺ ᠪᠣᠯᠭᠠᠨ ᠬᠤᠪᠢᠷᠠᠭᠤᠯᠬᠤ ᠶᠢ | ᠢᠳᠡᠪᠬᠢᠲᠡᠢ ᠪᠥᠭᠡᠳ ᠲᠣᠭᠲᠠᠭᠤᠨ ᠢᠶᠠᠷ ᠠᠬᠢᠭᠤᠯᠪᠠ᠃ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠠᠴᠠ ᠥᠷᠢ ᠥᠭᠴᠡᠭᠡ ᠪᠠᠨ ᠰᠲ᠋ᠣᠺ ᠪᠣᠯᠭᠠᠨ | ᠬᠤᠪᠢᠷᠠᠭᠤᠯᠬᠤ ᠲᠥᠰᠥᠯ ᠢᠶᠠᠨ ᠬᠠᠮᠢᠶ᠎ᠠ ᠪᠦᠬᠦᠢ ᠪᠠᠩᠬᠢ ᠶᠢᠨ ᠠᠵᠢᠯ ᠲᠠᠢ ᠵᠣᠯᠭᠠᠯᠳᠤᠭᠤᠯᠬᠤ ᠶᠢ ᠶᠠᠭ ᠰᠠᠶᠢᠬᠠᠨ ᠱᠠᠯᠠᠪᠳᠠᠨ ᠬᠢᠵᠦ᠂ ᠣᠨ ᠤ ᠳᠣᠲᠣᠷ᠎ᠠ ᠬᠤᠯᠪᠣᠭᠳᠠᠯ | ᠪᠦᠬᠦᠢ ᠪᠠᠶᠢᠭᠤᠯᠤᠮᠵᠢ ᠯᠤᠭ᠎ᠠ ᠥᠷᠢ ᠥᠭᠴᠡᠭᠡ ᠪᠠᠨ ᠵᠠᠬ᠎ᠠ ᠳᠡᠯᠭᠡᠭᠦᠷᠴᠢᠯᠡᠵᠦ ᠰᠲ᠋ᠣᠺ ᠪᠣᠯᠭᠠᠨ ᠬᠤᠪᠢᠷᠠᠭᠤᠯᠬᠤ ᠬᠠᠮᠲᠤᠷᠠᠯᠴᠠᠭᠠᠨ ᠤ ᠲᠥᠰᠥᠪ ᠤᠨ ᠬᠡᠯᠡᠯᠴᠡᠭᠡᠷ | ᠲᠣᠭᠲᠠᠬᠤ ᠪᠠᠷ ᠴᠢᠷᠮᠠᠶᠢᠵᠤ ᠬᠢᠵᠦ ᠪᠠᠶᠢᠨ᠎ᠠ︔ ᠥᠭᠴᠡᠭᠡᠨ ᠤ ᠲᠡᠮᠳᠡᠭᠲᠦ ᠪᠠᠷ ᠲᠥᠯᠥᠪᠦᠷᠢᠯᠡᠬᠦ ᠲᠦᠭᠰᠢᠭᠦᠷᠢ ᠶᠢᠨ ᠬᠠᠮᠢᠶᠠᠷᠤᠯᠲᠠ ᠡᠵᠡᠮᠳᠡᠯ ᠢ ᠦᠷᠭᠦᠯᠵᠢᠯᠡᠨ | ᠴᠢᠩᠭᠠᠳᠬᠠᠵᠤ᠂ ᠬᠢᠨᠠᠨ ᠬᠠᠮᠢᠶᠠᠷᠬᠤ ᠠᠵᠤ ᠠᠬᠤᠶᠢᠯᠠᠯ ᠤᠨ ᠥᠭᠴᠡᠭᠡᠨ ᠤ ᠲᠡᠮᠳᠡᠭᠲᠦ ᠲᠠᠷᠬᠠᠬᠤ ᠬᠠᠷᠢᠴᠠᠯ ᠤᠨ ᠬᠠᠮᠢᠶᠠᠷᠤᠯᠲᠠ ᠪᠠ ᠭᠡᠷ᠎ᠡ ᠶᠢ ᠭᠦᠢᠴᠡᠳᠬᠡᠭᠰᠡᠨ | ᠪᠠᠶᠢᠳᠠᠯ ᠤᠨ ᠬᠢᠨᠠᠯᠲᠠ ᠰᠢᠨᠵᠢᠯᠲᠡ ᠶᠢ ᠴᠢᠩᠭᠠᠷᠠᠭᠤᠯᠪᠠ᠃ | ᠬᠥᠲᠥᠯᠥᠭᠴᠢ᠄ | ᠲᠠᠨ ᠤ ᠲᠠᠶᠢᠯᠤᠮᠵᠢ ᠳᠤ ᠪᠠᠶᠠᠷᠯᠠᠯ᠎ᠠ᠃ ᠬᠠᠮᠤᠭ ᠤᠨ ᠰᠡᠭᠦᠯ ᠤᠨ ᠨᠢᠭᠡ ᠠᠰᠠᠭᠤᠯᠲᠠ ᠪᠣᠯ ᠳᠠᠷᠤᠢ᠂ ᠳᠡᠭᠡᠷᠡᠬᠢ ᠠᠷᠭ᠎ᠠ ᠬᠡᠮᠵᠢᠶ᠎ᠡ ᠪᠠᠷ ᠳᠠᠮᠵᠢᠭᠤᠯᠤᠨ ᠶᠠᠮᠠᠷ | ᠵᠢᠱᠢᠭᠰᠡᠨ ᠦᠷ᠎ᠡ ᠪᠦᠲᠦᠮᠵᠢ ᠶᠢ ᠣᠯᠬᠤ ᠪᠣᠢ︖ | ᠡᠾᠧ ᠢᠦᠢ ᠴᠦᠨ᠄ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠷᠥᠩᠭᠡ ᠥᠷᠢ ᠶᠢᠨ ᠬᠢᠵᠠᠭᠠᠷᠯᠠᠯ ᠤᠨ ᠲᠣᠭᠲᠠᠴᠠ ᠪᠠ ᠬᠥᠰᠢᠭᠦᠷᠭᠡ ᠶᠢ ᠳᠣᠷᠣᠭᠰᠢᠯᠠᠭᠤᠯᠬᠤ ᠡᠯ᠎ᠡ | ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠢᠨᠠᠯᠲᠠ ᠲᠠᠯᠪᠢᠨ ᠬᠠᠮᠢᠶᠠᠷᠬᠤ ᠪᠠᠨ ᠴᠢᠩᠭᠠᠷᠠᠭᠤᠯᠵᠤ᠂ ᠥᠷᠢ ᠥᠭᠴᠡᠭᠡ ᠥᠨᠳᠥᠷ ᠤᠯᠤᠰ ᠤᠨ ᠥᠮᠴᠢᠯᠡᠯᠲᠦ | ᠠᠵᠤ ᠠᠬᠤᠶᠢᠯᠠᠯ ᠤᠨ ᠬᠥᠷᠥᠩᠭᠡ ᠥᠷᠢ ᠶᠢᠨ ᠨᠣᠷᠮ᠎ᠠ ᠪᠠᠨ ᠠᠯᠢ ᠲᠦᠷᠭᠡᠨ ᠢᠶᠠᠷ ᠵᠦᠢ ᠵᠣᠬᠢᠰᠲᠠᠢ ᠬᠢᠷᠢ ᠲᠦᠪᠰᠢᠨ ᠳᠤ ᠪᠤᠴᠠᠭᠠᠬᠤ ᠶᠢ ᠰᠢᠮᠳᠠᠭᠤᠯᠵᠤ᠂ ᠬᠢᠨᠠᠨ | ᠬᠠᠮᠢᠶᠠᠷᠬᠤ ᠠᠵᠤ ᠠᠬᠤᠶᠢᠯᠠᠯ ᠤᠨ ᠳᠤᠮᠳᠠᠴᠢ ᠬᠥᠷᠥᠩᠭᠡ ᠥᠷᠢ ᠶᠢᠨ ᠨᠣᠷᠮ᠎ᠠ ᠶᠢ 2020 ᠣᠨ ᠤ ᠰᠡᠭᠦᠯᠴᠢ ᠪᠣᠯᠬᠤ ᠳᠤ 2017 ᠣᠨ ᠤ ᠰᠡᠭᠦᠯᠴᠢ ᠶᠢᠨ ᠬᠢ ᠠᠴᠠ | 2 ᠵᠠᠭᠤᠨ ᠤ ᠴᠡᠭ ᠣᠷᠴᠢᠮ ᠪᠠᠭᠤᠷᠠᠭᠤᠯᠬᠤ ᠶᠢ ᠠᠬᠢᠭᠤᠯᠤᠨ᠎ᠠ᠃365赢多少钱会被限额_国内有真正的365平台吗_365bet博彩官网 | ᠬᠥᠲᠥᠯᠥᠭᠴᠢ᠄ | ᠰᠠᠶᠢᠨ ᠪᠣᠯᠣᠯ᠎ᠠ᠂ ᠾᠧ ᠡᠷᠬᠢᠯᠡᠭᠴᠢ ᠶᠢᠨ ᠲᠠᠶᠢᠯᠤᠮᠵᠢ ᠳᠤ ᠪᠠᠶᠠᠷᠯᠠᠯ᠎ᠠ᠂ ᠴᠠᠭ ᠤᠨ ᠬᠠᠷᠠᠭ᠎ᠠ ᠠᠴᠠ ᠪᠣᠯᠵᠤ᠂ ᠮᠠᠨ ᠤ ᠰᠤᠷᠪᠤᠯᠵᠢᠯᠠᠭ᠎ᠠ ᠠᠳᠡ ᠬᠥᠷᠥᠭᠡᠳ | ᠥᠨᠳᠥᠷᠯᠡᠬᠦ ᠪᠣᠯᠣᠯ᠎ᠠ᠂ ᠾᠧ ᠡᠷᠬᠢᠯᠡᠭᠴᠢ ᠶᠢᠨ ᠮᠠᠨ ᠤ ᠰᠤᠷᠪᠤᠯᠵᠢᠯᠠᠭ᠎ᠠ ᠶᠢᠨ ᠪᠤᠯᠤᠩ ᠳᠤ ᠰᠠᠭᠠᠲᠠᠭᠰᠠᠨ ᠳᠤ ᠳᠠᠬᠢᠨᠲᠠ ᠪᠠᠶᠠᠷᠯᠠᠵᠤ ᠪᠠᠶᠢᠨ᠎ᠠ᠂ ᠮᠥᠨ ᠰᠦᠯᠵᠢᠶᠡᠨ ᠤ | ᠠᠨᠳᠠ ᠨᠠᠷ ᠤᠨ ᠬᠦᠯᠢᠶᠡᠨ ᠠᠪᠴᠤ ᠦᠵᠡᠭᠰᠡᠨ ᠳᠤ ᠪᠠᠶᠠᠷᠯᠠᠯ᠎ᠠ᠂ ᠳᠠᠷᠠᠭᠠᠴᠢ ᠶᠢᠨ ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ︕ | ᠡᠾᠧ ᠢᠦᠢ ᠴᠦᠨ᠄ | ᠪᠠᠶᠠᠷᠲᠠᠢ︕ | | | |