ᠥᠪᠥᠷ ᠵᠠᠰᠠᠭ ᠲᠠᠷᠬᠠᠭᠠᠭᠰᠠᠨ ﹇2019﹈ 4 ᠳ᠋ᠤᠭᠡᠷ ᠲᠤᠭᠠᠳᠤ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ | ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠳᠠᠬᠢ ᠠᠵᠢᠯ ᠤᠯᠭᠤᠬᠤ ᠶᠢ ᠠᠬᠢᠭᠤᠯᠬᠤ ᠠᠵᠢᠯ ᠢ ᠰᠠᠶᠢᠳᠤᠷ ᠬᠢᠬᠦ ᠲᠤᠬᠠᠢ ᠲᠥᠷᠥ ᠶᠢᠨ | ᠶᠠᠪᠤᠳᠠᠯ ᠤᠨ ᠬᠤᠷᠢᠶᠠᠨ ᠤ ᠰᠠᠨᠠᠯ ᠤᠳ︾ ︵ᠲᠥᠷᠥ ᠲᠠᠷᠬᠠᠭᠠᠭᠰᠠᠨ ﹇2018﹈ 39 ᠳ᠋ᠤᠭᠡᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠠᠵᠢᠯ ᠤᠯᠭᠤᠬᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠠᠵᠤ ᠠᠬᠤᠶᠢᠯᠠᠯ ᠤᠨ ᠠᠮᠢᠵᠢᠷᠠᠯ ᠤᠨ | ᠬᠦᠴᠦᠨ ᠢ ᠴᠢᠩᠭᠠᠷᠠᠭᠤᠯᠵᠤ᠂ ᠠᠵᠢᠯ ᠤᠯᠭᠤᠬᠤ ᠶᠢ ᠥᠷᠭᠡᠳᠬᠡᠨ ᠠᠬᠢᠭᠤᠯᠬᠤ ᠶᠢᠨ ᠲᠤᠰᠠᠲᠠ᠂ ᠮᠠᠨ ᠤ ᠣᠷᠣᠨ ᠤ ᠪᠣᠳᠠᠲᠠᠢ ᠪᠠᠨ ᠤᠶᠠᠯᠳᠤᠭᠤᠯᠤᠨ᠂ ᠳᠣᠣᠷᠠᠬᠢ | ᠮᠡᠲᠦ ᠬᠡᠷᠡᠭᠵᠢᠭᠦᠯᠬᠦ ᠰᠠᠨᠠᠯ ᠢ ᠳᠤᠷᠠᠳᠪᠠ᠃ | ᠨᠢᠭᠡ᠂ ᠠᠵᠤ ᠠᠬᠤᠶᠢᠯᠠᠯ ᠤᠨ ᠠᠵᠢᠯ ᠣᠯᠭᠤᠬᠤ ᠠᠵᠢᠯ ᠤᠨ ᠪᠠᠶᠢᠷᠢ ᠪᠠᠨ ᠲᠣᠭᠲᠠᠪᠤᠷᠢᠵᠢᠭᠤᠯᠬᠤ ᠶᠢ ᠳᠡᠮᠵᠢᠨ᠎ᠡ | ᠠᠵᠢᠯ ᠠᠯᠳᠠᠭᠰᠠᠳ ᠤᠨ ᠳᠠᠭᠠᠳᠬᠠᠯ ᠢᠶᠠᠷ ᠠᠵᠢᠯ ᠤᠯᠭᠤᠬᠤ ᠶᠢ ᠠᠬᠢᠭᠤᠯᠬᠤ ᠪᠠ ᠠᠵᠤ ᠠᠬᠤᠶᠢᠯᠠᠯ ᠳᠤ ᠲᠤᠰᠠᠯᠠᠵᠤ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢ ᠭᠦᠨᠵᠡᠭᠡᠢ ᠭᠡᠷᠡᠭᠵᠢᠭᠦᠯᠦᠨ᠂ ᠠᠵᠤ ᠠᠬᠤᠶᠢᠯᠠᠯ ᠤᠨ ᠳᠠᠷᠤᠭᠠᠰᠤ ᠶᠢ ᠦᠨᠡᠨ ᠬᠦ ᠬᠥᠩᠭᠡᠯᠡᠵᠦ᠂ ᠠᠵᠤ | ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠵᠦ᠂ ᠠᠵᠢᠯ ᠣᠯᠭᠤᠬᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ᠎ᠠ᠃ ᠠᠵᠢᠯᠲᠠᠨ ᠬᠠᠰᠤᠬᠤ ᠦᠭᠡᠢ ᠪᠤᠶᠤ | ᠴᠦᠬᠡᠨ ᠬᠠᠰᠤᠭᠰᠠᠨ ︵ᠠᠵᠢᠯᠲᠠᠨ ᠬᠠᠰᠤᠭᠰᠠᠨ ᠨᠣᠷᠮ᠎ᠠ ᠨᠢ ᠲᠤᠰ ᠭᠠᠵᠠᠷ ᠤᠷᠤᠨ ᠤ ᠳᠡᠭᠡᠷ᠎ᠡ ᠵᠢᠯ ᠤᠨ ᠬᠤᠲᠠ ᠪᠠᠯᠭᠠᠰᠤᠨ ᠤ ᠳᠠᠩᠰᠠᠯᠠᠨ ᠲᠡᠮᠳᠡᠭᠯᠡᠭᠰᠡᠨ ᠠᠵᠢᠯ | ᠠᠯᠳᠠᠭᠰᠠᠳ ᠤᠨ ᠨᠣᠷᠮ᠎ᠠ ᠠᠴᠠ ᠳᠤᠤᠷ᠎ᠠ᠂ ᠳᠣᠷᠣᠭᠰᠢ ᠠᠳᠠᠯᠢ᠃ ᠠᠵᠢᠯᠲᠠᠨ ᠬᠠᠰᠤᠭᠰᠠᠨ ᠨᠣᠷᠮ᠎ᠠ ᠶᠢ ᠪᠣᠯ ᠠᠵᠤ ᠠᠬᠤᠶᠢᠯᠠᠯ ᠤᠨ ᠳᠡᠭᠡᠷ᠎ᠡ ᠵᠢᠯ ᠳᠤ ᠬᠠᠰᠤᠭᠰᠠᠨ | ᠠᠵᠢᠯᠲᠠᠨ ᠤ ᠲᠤᠭ᠎ᠠ ᠶᠢ ᠳᠡᠭᠡᠷ᠎ᠡ ᠵᠢᠯ ᠳᠤ ᠬᠠᠰᠤᠭᠰᠠᠨ ᠠᠵᠢᠯᠲᠠᠨ ᠤ ᠲᠤᠭ᠎ᠠ ᠪᠣᠯᠣᠨ ᠳᠡᠭᠡᠷ᠎ᠡ ᠵᠢᠯ ᠤᠨ ᠡᠴᠦᠰ ᠲᠠᠬᠢ ᠠᠵᠢᠯᠲᠠᠨ ᠠᠵᠢᠯᠴᠢᠨ ᠤ ᠲᠤᠭᠠᠨ ᠤ | ᠨᠡᠶᠢᠯᠡᠪᠦᠷᠢ ᠪᠠᠷ ᠬᠤᠪᠢᠶᠠᠭᠰᠠᠨ ᠬᠠᠷᠢᠴᠠᠯ ᠢᠶᠠᠷ ᠪᠣᠳᠣᠨ᠎ᠠ᠂ ᠠᠵᠤ ᠠᠬᠤᠶᠢᠯᠠᠯ ᠤᠨ ᠠᠵᠢᠯᠲᠠᠨ ᠬᠠᠰᠤᠭᠰᠠᠨ ᠦᠭᠡᠢ ᠪᠤᠶᠤ ᠠᠵᠢᠯᠲᠠᠨ ᠬᠠᠰᠤᠭᠰᠠᠨ ᠨᠣᠷᠮ᠎ᠠ ᠶᠢ | ᠪᠣᠳᠣᠬᠤ ᠳᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠬᠥᠳᠡᠯᠮᠦᠷᠢ ᠶᠢᠨ ᠭᠡᠷ᠎ᠡ ᠶᠢᠨ ᠬᠤᠭᠤᠴᠠᠭ᠎ᠠ ᠨᠢ ᠲᠤᠯᠤᠭᠰᠠᠨ᠂ ᠰᠢᠯᠵᠢᠵᠦ ᠶᠠᠪᠤᠭᠰᠠᠨ᠂ ᠰᠠᠶᠢᠨ | ᠳᠤᠷ᠎ᠠ ᠠᠴᠠ ᠪᠠᠨ ᠠᠵᠢᠯ ᠢᠶᠠᠨ ᠬᠠᠶᠠᠬᠤ ︵ᠠᠵᠢᠯ ᠠᠴᠠ ᠪᠠᠨ ᠰᠠᠯᠤᠭᠰᠠᠨ︶᠂ ᠠᠵᠢᠯ ᠠᠴᠠ ᠪᠠᠨ ᠠᠮᠠᠷᠠᠭᠰᠠᠨ᠂ ᠨᠠᠰᠤ ᠨᠥᠭᠴᠢᠭᠰᠡᠨ ᠵᠡᠷᠭᠡ ᠬᠡᠪ ᠤᠨ ᠪᠠᠶᠢᠳᠠᠯ ᠢᠶᠠᠷ | ᠬᠠᠰᠤᠭᠳᠠᠭᠰᠠᠨ ᠠᠵᠢᠯᠲᠠᠨ ᠤ ᠲᠤᠭ᠎ᠠ ᠶᠢ ᠬᠠᠰᠤᠬᠤ ᠶᠣᠰᠣᠲᠠᠢ︶ ᠲᠡᠳᠡᠭᠡᠷ ᠳᠠᠭᠠᠳᠬᠠᠯ ᠳᠤ ᠣᠷᠣᠭᠰᠠᠨ ᠠᠵᠤ ᠠᠬᠤᠶᠢᠯᠠᠯ ᠳᠤ ᠪᠤᠯ᠂ ᠳᠡᠭᠡᠷ᠎ᠡ ᠵᠢᠯ ᠳᠤ ᠪᠣᠳᠠᠲᠠᠢ | ᠲᠤᠰᠢᠶᠠᠭᠰᠠᠨ ᠠᠵᠢᠯ ᠠᠯᠳᠠᠭᠰᠠᠳ ᠤᠨ ᠰᠦᠢᠳᠬᠡᠯ ᠤᠨ 50% ᠶᠢ ᠨᠢ ᠪᠤᠴᠠᠭᠠᠨ ᠥᠭᠴᠦ ᠪᠣᠯᠣᠨ᠎ᠠ᠃ 2019 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ | 12 ᠳ᠋ᠤᠭᠠᠷ ᠰᠠᠷ᠎ᠠ ᠶᠢᠨ 31 ᠤ ᠡᠳᠦᠷ ᠬᠦᠷᠲᠡᠯ᠎ᠡ᠂ ᠦᠢᠯᠡᠳᠪᠦᠷᠢᠯᠡᠵᠦ ᠡᠵᠡᠩᠨᠡᠬᠦ ᠨᠢ ᠲᠦᠷ ᠴᠠᠭ ᠤᠨ ᠬᠦᠴᠢᠷᠳᠡᠯ ᠳᠤ ᠲᠤᠯᠭᠠᠷᠠᠭᠰᠠᠨ ᠪᠣᠯᠪᠠᠴᠤ ᠥᠷᠬᠦᠯᠵᠢᠯᠡᠨ | ᠦᠢᠯᠡᠳᠪᠦᠷᠢᠯᠡᠵᠦ ᠡᠵᠡᠩᠨᠡᠬᠦ ᠪᠣᠯᠣᠮᠵᠢᠲᠠᠢ ᠪᠦᠭᠡᠳ ᠠᠵᠢᠯᠲᠠᠨ ᠢᠶᠠᠨ ᠬᠠᠰᠤᠬᠤ ᠦᠭᠡᠢ ᠪᠤᠶᠤ ᠴᠥᠬᠡᠨ ᠬᠠᠰᠤᠬᠤ ᠶᠢ ᠪᠠᠷᠢᠮᠲᠠᠯᠠᠵᠤ ᠪᠠᠶᠢᠭ᠎ᠠ ᠳᠠᠭᠠᠳᠬᠠᠯ ᠳᠤ | ᠣᠷᠣᠭᠰᠠᠨ ᠠᠵᠤ ᠠᠬᠤᠶᠢᠯᠠᠯ ᠳᠤ ᠪᠤᠴᠠᠭᠠᠨ ᠥᠭᠬᠦ ᠪᠠᠷᠢᠮᠵᠢᠶ᠎ᠠ ᠶᠢ ᠵᠢᠷᠭᠤᠭᠠᠨ ᠰᠠᠷ᠎ᠠ ᠳᠣᠲᠣᠷᠠᠬᠢ ᠲᠤᠰ ᠭᠠᠵᠠᠷ ᠤᠷᠤᠨ ᠤ ᠰᠠᠷ᠎ᠠ ᠪᠦᠷᠢ ᠶᠢᠨ ᠬᠥᠮᠥᠨ ᠳᠤᠮᠳᠠᠴᠢ | ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠪᠣᠯᠣᠨ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠲᠤᠭ᠎ᠠ ᠪᠠᠷ ᠲᠣᠭᠲᠠᠭᠠᠬᠤ ᠪᠤᠶᠤ ᠵᠢᠷᠭᠤᠭᠠᠨ | ᠰᠠᠷ᠎ᠠ ᠳᠣᠲᠣᠷᠠᠬᠢ ᠠᠵᠤ ᠠᠬᠤᠶᠢᠯᠠᠯ ᠵᠢᠴᠢ ᠠᠵᠢᠯᠲᠠᠨ ᠠᠵᠢᠯᠴᠢᠨ ᠤ ᠬᠢᠨᠢ ᠲᠤᠰᠢᠶᠠᠪᠠᠰᠤ ᠵᠣᠬᠢᠬᠤ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ 50% ᠶᠢᠨ | ᠪᠠᠷᠢᠮᠵᠢᠶ᠎ᠠ ᠪᠠᠷ ᠲᠣᠭᠲᠠᠭᠠᠨ᠎ᠠ᠃ ᠳᠡᠭᠡᠷ᠎ᠡ ᠳᠤᠷᠠᠳᠤᠭᠰᠠᠨ ᠪᠡᠯᠡ ᠮᠥᠩᠭᠦ ᠶᠢ ᠠᠵᠢᠯ ᠠᠯᠳᠠᠭᠰᠠᠳ ᠤᠨ ᠳᠠᠭᠠᠳᠬᠠᠯ ᠤᠨ ᠰᠠᠭᠤᠷᠢ ᠮᠥᠩᠭᠦᠨ ᠠᠴᠠ ᠵᠠᠷᠤᠴᠠᠭᠤᠯᠤᠨ᠎ᠠ᠃ | ᠨᠢᠭᠡᠳᠦᠯᠲᠡᠢ ᠲᠥᠯᠥᠪᠵᠢᠭᠦᠯᠬᠦ ᠡᠯ᠎ᠡ ᠭᠠᠵᠠᠷ ᠣᠷᠣᠨ ᠨᠢ ᠠᠵᠢᠯ ᠠᠯᠳᠠᠭᠰᠠᠳ ᠤᠨ ᠳᠠᠭᠠᠳᠬᠠᠯ ᠤᠨ ᠰᠠᠭᠤᠷᠢ ᠮᠥᠩᠭᠦᠨ ᠤ ᠦᠷᠭᠦᠯᠵᠢᠯᠡᠭᠰᠡᠨ ᠬᠠᠳᠠᠭᠠᠯᠠᠮᠵᠢ ᠶᠢᠨ | ᠦᠯᠡᠳᠡᠪᠦᠷᠢ ᠪᠠᠷ ᠨᠢᠭᠡ ᠵᠢᠯ ᠠᠴᠠ ᠳᠡᠭᠡᠭᠰᠢᠬᠢ ᠶᠢ ᠦᠭᠬᠦ ᠴᠢᠳᠠᠪᠤᠷᠢ ᠲᠠᠢ ᠪᠠᠶᠢᠬᠤ ᠤᠷᠢᠳᠠᠯ ᠳᠣᠣᠷ᠎ᠠ᠂ ᠪᠤᠴᠠᠭᠠᠨ ᠥᠭᠬᠦ ᠪᠠᠷᠢᠮᠵᠢᠶ᠎ᠠ ᠪᠠᠨ ᠥᠪᠡᠰᠦᠪᠡᠨ ᠰᠣᠩᠭᠤᠵᠤ | ᠲᠣᠭᠲᠠᠭᠠᠨ᠎ᠠ᠃ ᠨᠢᠭᠡᠳᠦᠯᠲᠡᠢ ᠲᠥᠯᠥᠪᠵᠢᠭᠦᠯᠬᠦ ᠭᠠᠵᠠᠷ ᠣᠷᠣᠨ ᠤ ᠵᠠᠰᠠᠭ ᠤᠨ ᠣᠷᠳᠣᠨ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠶᠢᠭᠠᠳ | ᠬᠢᠨᠠᠨ ᠬᠠᠷᠭᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠨ᠂ ︽ᠦᠢᠯᠡᠳᠪᠦᠷᠢᠯᠡᠵᠦ ᠡᠵᠡᠩᠨᠡᠬᠦ ᠨᠢ ᠲᠦᠷ ᠴᠠᠭ ᠤᠨ ᠬᠦᠴᠢᠷᠳᠡᠯ ᠳᠤ ᠲᠤᠯᠭᠠᠷᠠᠭᠰᠠᠨ | ᠪᠣᠯᠪᠠᠴᠤ ᠥᠷᠬᠦᠯᠵᠢᠯᠡᠨ ᠦᠢᠯᠡᠳᠪᠦᠷᠢᠯᠡᠵᠦ ᠡᠵᠡᠩᠨᠡᠬᠦ ᠪᠣᠯᠣᠮᠵᠢᠲᠠᠢ ᠪᠦᠭᠡᠳ ᠠᠵᠢᠯᠲᠠᠨ ᠢᠶᠠᠨ ᠬᠠᠰᠤᠬᠤ ᠦᠭᠡᠢ ᠪᠤᠶᠤ ᠴᠥᠬᠡᠨ ᠬᠠᠰᠤᠬᠤ ᠶᠢ ᠪᠠᠷᠢᠮᠲᠠᠯᠠᠵᠤ ᠪᠠᠶᠢᠭ᠎ᠠ | ᠳᠠᠭᠠᠳᠬᠠᠯ ᠳᠤ ᠣᠷᠣᠭᠰᠠᠨ ᠠᠵᠤ ᠠᠬᠤᠶᠢᠯᠠᠯ︾ ᠤᠨ ᠬᠦᠷᠢᠶ᠎ᠡ ᠬᠡᠪᠴᠢᠶ᠎ᠡ ᠶᠢ ᠲᠣᠭᠲᠠᠭᠠᠬᠤ ᠶᠢ ᠬᠠᠷᠢᠭᠤᠴᠠᠵᠤ᠂ ᠲᠤᠰ ᠭᠠᠵᠠᠷ ᠤᠷᠤᠨ ᠤ ᠠᠷᠠᠳ ᠤᠨ ᠵᠠᠰᠠᠭ ᠤᠨ | ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠳᠠᠷᠠᠭ᠎ᠠ ᠡᠳ᠋ ᠤᠨ ᠵᠠᠰᠠᠭ ᠠᠴᠠ ᠴᠠᠭ ᠲᠤᠬᠠᠢ ᠳᠤ ᠨᠢ ᠰᠠᠯᠭᠠᠨ ᠥᠭᠭᠦᠨ᠎ᠡ᠃ ︵ᠥᠪᠡᠷᠲᠡᠭᠡᠨ ᠵᠠᠰᠠᠬᠤ ᠣᠷᠣᠨ ᠤ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠷᠢᠭᠤᠴᠠᠨ᠎ᠠ᠃ ᠨᠢᠭᠡᠳᠦᠭᠡᠷ ᠲᠤ | ᠵᠢᠭᠰᠠᠭᠠᠭᠳᠠᠭᠰᠠᠨ ᠨᠢ ᠲᠦᠷᠦᠭᠦᠯᠡᠬᠦ ᠨᠢᠭᠡᠴᠢ ᠪᠣᠯᠣᠨ᠎ᠠ᠂ ᠳᠣᠷᠣᠭᠰᠢ ᠠᠳᠠᠯᠢ︶ | ᠬᠤᠶᠠᠷ᠂ ᠵᠢᠵᠢᠭ ᠪᠢᠴᠢᠯ ᠠᠵᠤ ᠠᠬᠤᠶᠢᠯᠠᠯ ᠢ ᠳᠡᠮᠵᠢᠬᠦ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠪᠠᠶᠢᠭᠤᠯᠤᠮᠵᠢ ᠶᠢᠨ | ᠦᠢᠯᠡᠳᠦᠯ ᠢ ᠪᠠᠳᠠᠷᠠᠭᠤᠯᠤᠨ᠎ᠠ | ᠤᠯᠤᠰ ᠤᠨ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠰᠠᠭᠤᠷᠢ ᠮᠥᠩᠭᠦᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠩ ᠣᠯᠠᠨ ᠮᠥᠩᠭᠦᠨ ᠭᠦᠢᠯᠭᠡᠭᠡᠨ ᠤ | ᠡᠬᠢ ᠪᠠᠶᠠᠯᠢᠭ ᠢ ᠬᠥᠲᠥᠯᠥᠨ ᠳᠠᠭᠠᠭᠤᠯᠵᠤ ᠪᠠᠶᠢᠭᠠᠳ ᠦᠢᠯᠡᠰ ᠴᠣᠭᠴᠠᠯᠠᠨ ᠠᠵᠢᠯ ᠣᠯᠭᠤᠬᠤ ᠶᠢ ᠳᠡᠮᠵᠢᠨ᠎ᠡ᠃ ᠡᠯ᠎ᠡ ᠭᠠᠵᠠᠷ ᠣᠷᠣᠨ ᠤ ᠵᠠᠰᠠᠭ ᠤᠨ ᠣᠷᠳᠣᠨ ᠤ | ᠴᠢᠨᠠᠷᠲᠠᠢ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠰᠠᠭᠤᠷᠢ ᠮᠥᠩᠭᠦ ᠶᠢ ᠨᠥᠬᠦᠴᠡᠯ ᠳᠤ ᠨᠡᠶᠢᠴᠡᠬᠦ ᠵᠢᠵᠢᠭ ᠪᠢᠴᠢᠯ ᠠᠵᠤ ᠠᠬᠤᠶᠢᠯᠠᠯ ᠳᠤ ᠰᠦᠢᠳᠭᠡᠯ ᠤᠨ ᠨᠣᠷᠮ᠎ᠠ ᠪᠠᠷ | ᠳᠣᠣᠷ᠎ᠠ ᠪᠠᠶᠢᠳᠠᠭ ᠳᠠᠭᠠᠭᠠᠯᠲᠠ ᠶᠢᠨ ᠳᠡᠮᠵᠢᠯᠭᠡ ᠶᠢ ᠤᠷᠢᠳ ᠢᠶᠠᠷ ᠬᠠᠩᠭᠠᠬᠤ ᠪᠣᠯᠭᠠᠵᠤ᠂ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠣᠯᠬᠤ ᠪᠣᠯᠣᠮᠵᠢ ᠶᠢ ᠨᠢ | ᠳᠡᠭᠡᠭᠰᠢᠯᠡᠭᠦᠯᠦᠨ᠎ᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨ ᠤ ᠵᠢᠵᠢᠭ ᠪᠢᠴᠢᠯ ᠠᠵᠤ ᠠᠬᠤᠶᠢᠯᠠᠯ ᠳᠤ ᠮᠥᠩᠭᠦᠨ ᠭᠦᠢᠯᠭᠡᠭᠡᠨ ᠤ ᠦᠢᠯᠡᠴᠢᠯᠡᠭᠡ ᠪᠠᠨ | ᠴᠢᠩᠭᠠᠳᠬᠠᠬᠤ ᠶᠢ ᠠᠬᠢᠭᠤᠯᠤᠨ᠂ ᠰᠠᠯᠠᠭ᠎ᠠ ᠮᠥᠴᠢᠷ ᠤᠨ ᠬᠤᠭᠤᠷᠣᠨᠳᠤ ᠪᠠᠨ ᠣᠶᠢᠯᠠᠭᠠᠨ ᠨᠡᠪᠲᠡᠷᠡᠯᠴᠡᠵᠦ ᠵᠣᠬᠢᠴᠠᠭᠤᠯᠬᠤ ᠶᠢ ᠴᠢᠩᠭᠠᠳᠬᠠᠵᠤ᠂ ᠮᠥᠩᠭᠦᠨ | ᠭᠦᠢᠯᠭᠡᠭᠡᠨ ᠤ ᠲᠥᠷᠥ ᠶᠢᠨ ᠪᠣᠳᠣᠯᠭ᠎ᠠ᠂ ᠡᠳ᠋ ᠤᠨ ᠵᠠᠰᠠᠭ ᠭᠠᠶᠢᠯᠢ ᠶᠢᠨ ᠲᠥᠷᠥ ᠶᠢᠨ ᠪᠣᠳᠣᠯᠭ᠎ᠠ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠨᠢᠭᠡᠳᠦᠯᠲᠡᠢ | ᠲᠥᠯᠥᠪᠵᠢᠭᠦᠯᠦᠨ᠂ ᠦᠢᠯᠡᠴᠢᠯᠡᠵᠦ ᠬᠠᠮᠵᠢᠯᠴᠠᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ᠎ᠠ᠃ ︵ᠥᠪᠥᠷ ᠮᠣᠩᠭᠤᠯ ᠤᠨ ᠪᠠᠩᠬᠢ | ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ | ᠡᠳ᠋ ᠤᠨ ᠵᠠᠰᠠᠭ ᠤᠨ ᠲᠢᠩᠬᠢᠮ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ᠬᠠᠷᠢᠭᠤᠴᠠᠨ᠎ᠠ︶ | ᠭᠤᠷᠪᠠ᠂ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠳᠤ ᠳᠠᠮ ᠬᠦᠦ ᠲᠥᠯᠥᠬᠦ ᠵᠢᠴᠢ ᠱᠠᠩᠨᠠᠵᠤ ᠲᠤᠰᠠᠯᠠᠬᠤ ᠲᠥᠷᠥ ᠶᠢᠨ ᠪᠣᠳᠣᠯᠭ᠎ᠠ ᠶᠢᠨ ᠳᠡᠮᠵᠢᠬᠦ | ᠡᠷᠴᠢᠮ ᠢ ᠴᠢᠩᠭᠠᠷᠠᠭᠤᠯᠤᠨ᠎ᠠ | ︽ᠦᠢᠯᠡᠰ ᠴᠣᠭᠴᠠᠯᠠᠬᠤ ᠥᠪᠥᠷ ᠮᠣᠩᠭᠤᠯ ᠤᠨ ᠠᠵᠢᠯᠯᠠᠭᠠᠨ ︵2016 — 2020 ᠣᠨ︶︾ ᠢ ᠭᠦᠨᠵᠡᠭᠡᠢ ᠬᠡᠷᠡᠭᠵᠢᠭᠦᠯᠦᠨ᠂ ᠦᠢᠯᠡᠰ | ᠴᠣᠭᠴᠠᠯᠠᠬᠤ ᠶᠢᠨ ᠳᠠᠭᠠᠭᠠᠯᠲᠠ ᠲᠠᠢ ᠵᠢᠭᠡᠯᠡᠯᠭᠡ ᠶᠢ ᠳᠡᠮᠵᠢᠬᠦ ᠡᠷᠴᠢᠮ ᠢ ᠴᠢᠩᠭᠠᠷᠠᠭᠤᠯᠵᠤ᠂ ᠦᠢᠯᠡᠰ ᠴᠣᠭᠴᠠᠯᠠᠬᠤ ᠶᠢᠨ ᠳᠠᠭᠠᠭᠠᠯᠲᠠ ᠲᠠᠢ ᠵᠢᠭᠡᠯᠡᠯᠭᠡ ᠭᠤᠶᠤᠴᠢᠯᠠᠬᠤ | ᠨᠥᠬᠦᠴᠡᠯ ᠳᠤ ᠨᠡᠶᠢᠴᠡᠭᠰᠡᠨ ᠬᠥᠮᠥᠰ ᠪᠡᠶ᠎ᠡ ᠪᠠᠨ ᠳᠠᠭᠠᠭᠠᠵᠤ ᠦᠢᠯᠡᠰ ᠴᠣᠭᠴᠠᠯᠠᠬᠤ ᠳᠤ᠂ ᠬᠠᠮᠤᠭ ᠶᠡᠭᠡ ᠳᠤ ᠪᠠᠨ 15 ᠲᠦᠮᠡᠨ ᠲᠥᠭᠦᠷᠢᠭ ᠠᠴᠠ ᠳᠠᠪᠠᠭ᠋ᠤ ᠦᠭᠡᠢ | ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠭᠤᠶᠤᠴᠢᠯᠠᠵᠤ ᠪᠣᠯᠣᠨ᠎ᠠ᠃ ᠵᠢᠵᠢᠭ ᠪᠢᠴᠢᠯ ᠠᠵᠤ ᠠᠬᠤᠶᠢᠯᠠᠯ ᠤᠨ ᠲᠤᠰ ᠵᠢᠯ ᠳᠠᠬᠢ ᠰᠢᠨ᠎ᠡ ᠪᠠᠷ ᠤᠷᠢᠵᠤ | ᠬᠡᠷᠡᠭᠯᠡᠭᠰᠡᠨ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠭᠤᠶᠤᠴᠢᠯᠠᠬᠤ ᠨᠥᠬᠦᠴᠡᠯ ᠳᠤ ᠨᠡᠶᠢᠴᠡᠬᠦ ᠬᠦᠮᠦᠨ ᠤ ᠲᠤᠭ᠎ᠠ ᠨᠢ ᠠᠵᠤ ᠠᠬᠤᠶᠢᠯᠠᠯ ᠤᠨ ᠣᠳᠣ ᠶᠢᠨ | ᠠᠵᠢᠯᠯᠠᠵᠤ ᠪᠠᠶᠢᠭ᠎ᠠ ᠠᠵᠢᠯᠲᠠᠨ ᠠᠵᠢᠯᠴᠢᠨ ᠤ ᠲᠣᠭᠠᠨ ᠤ 25% ︵100 ᠬᠥᠮᠥᠨ ᠠᠴᠠ ᠳᠠᠪᠠᠭᠰᠠᠨ ᠠᠵᠤ ᠠᠬᠤᠶᠢᠯᠠᠯ ᠳᠤ 15% ᠳᠤ ᠬᠦᠷᠦᠭᠰᠡᠨ︶ ᠳᠤ | ᠬᠦᠷᠦᠭᠰᠡᠨ ᠤ ᠬᠠᠮᠲᠤ᠂ ᠲᠡᠳᠡᠨ ᠲᠠᠢ 1 ᠵᠢᠯ ᠠᠴᠠ ᠳᠡᠭᠡᠭᠰᠢᠬᠢ ᠬᠦᠳᠡᠯᠮᠦᠷᠢ ᠶᠢᠨ ᠭᠡᠷ᠎ᠡ ᠲᠣᠭᠲᠠᠭᠰᠠᠨ ᠪᠠᠶᠢᠪᠠᠯ᠂ ᠬᠠᠮᠤᠭ ᠶᠡᠭᠡ ᠳᠤ ᠪᠠᠨ 300 ᠲᠦᠮᠡᠨ | ᠲᠥᠭᠦᠷᠢᠭ ᠠᠴᠠ ᠳᠠᠪᠠᠭ᠋ᠤ ᠦᠭᠡᠢ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠭᠤᠶᠤᠴᠢᠯᠠᠵᠤ ᠪᠣᠯᠣᠨ᠎ᠠ᠃ ᠡᠯ᠎ᠡ ᠭᠠᠵᠠᠷ ᠣᠷᠣᠨ ᠨᠢ ᠲᠤᠰ ᠭᠠᠵᠠᠷ ᠣᠷᠣᠨ ᠤ | ᠪᠠᠶᠢᠳᠠᠯ ᠳᠤ ᠪᠠᠨ ᠲᠣᠬᠢᠷᠠᠭᠤᠯᠤᠨ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠭᠤᠶᠤᠴᠢᠯᠠᠬᠤ ᠨᠥᠬᠦᠴᠡᠯ ᠢᠶᠠᠨ ᠵᠣᠬᠢᠰᠲᠠᠢ ᠪᠠᠷ ᠠᠭᠤᠵᠢᠭᠤ ᠳᠠᠯᠪᠢᠵᠤ | ᠪᠣᠯᠣᠨ᠎ᠠ᠂ ᠡᠭᠦᠨ ᠠᠴᠠ ᠪᠣᠯᠣᠭᠰᠠᠨ ᠳᠠᠮ ᠬᠦᠦ ᠲᠥᠯᠥᠬᠦ ᠪᠡᠯᠡ ᠮᠥᠩᠭᠦ ᠶᠢ ᠣᠷᠣᠨ ᠨᠤᠲᠤᠭ ᠤᠨ ᠡᠳ᠋ ᠤᠨ ᠵᠠᠰᠠᠭ ᠡᠭᠦᠷᠭᠡᠯᠡᠨ᠎ᠡ᠃ ᠱᠠᠩᠨᠠᠵᠤ ᠲᠤᠰᠠᠯᠠᠬᠤ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠪᠣᠳᠠᠲᠠᠶᠢᠵᠢᠭᠤᠯᠬᠤ ᠶᠢ ᠠᠬᠢᠭᠤᠯᠤᠨ᠂ ᠡᠯ᠎ᠡ ᠭᠠᠵᠠᠷ ᠣᠷᠣᠨ ᠤ ᠲᠤᠰ ᠵᠢᠯ ᠤᠨ ᠰᠢᠨ᠎ᠡ ᠪᠠᠷ ᠲᠠᠯᠪᠢᠭᠰᠠᠨ ᠦᠢᠯᠡᠰ | ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠶᠢᠨ ᠪᠥᠬᠦ ᠲᠣᠭᠠᠨ ᠤ ᠵᠣᠬᠢᠬᠤ ᠬᠠᠷᠢᠴᠠᠯ ᠢᠶᠠᠷ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠶᠢᠨ ᠰᠠᠭᠤᠷᠢ | ᠮᠥᠩᠭᠦ ᠶᠢ ᠡᠷᠭᠢᠯᠳᠦᠭᠦᠯᠦᠨ ᠬᠠᠮᠢᠶᠠᠷᠴᠤ ᠪᠠᠶᠢᠭ᠎ᠠ ᠪᠠᠶᠢᠭᠤᠯᠤᠮᠵᠢ ᠵᠡᠷᠭᠡ ᠨᠢᠭᠡᠴᠢ ᠶᠢ ᠱᠠᠩᠨᠠᠨ ᠬᠥᠬᠢᠭᠦᠯᠵᠦ᠂ ᠳᠡᠭᠦᠨ ᠢ ᠬᠦᠲᠦᠯᠦᠨ ᠵᠢᠯᠤᠭᠤᠳᠴᠦ ᠪᠠᠶᠢᠭᠠᠳ ᠦᠢᠯᠡᠰ | ᠴᠣᠭᠴᠠᠯᠠᠨ ᠠᠵᠢᠯ ᠣᠯᠭᠤᠬᠤ ᠳᠤ ᠦᠢᠯᠡᠴᠢᠯᠡᠬᠦ ᠢᠳᠡᠪᠬᠢᠵᠢᠯ ᠢ ᠨᠢ ᠤᠯᠠᠮ ᠨᠢᠭᠡ ᠠᠯᠬᠤᠮ ᠳᠡᠭᠡᠭᠰᠢᠯᠡᠭᠦᠯᠤᠨ᠎ᠠ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ | ᠬᠤᠲᠠ᠂ ᠲᠣᠭᠤᠷᠢᠭ︶ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠳᠠᠭᠠᠭᠠᠯᠲᠠ ᠶᠢᠨ ᠰᠠᠭᠤᠷᠢ ᠮᠥᠩᠭᠦ ᠶᠢ ᠦᠷᠭᠦᠯᠵᠢᠯᠡᠨ ᠨᠦᠬᠦᠪᠦᠷᠢᠯᠡᠬᠦ ᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ᠂ ᠳᠠᠭᠠᠭᠠᠯᠲᠠ ᠶᠢᠨ ᠰᠠᠭᠤᠷᠢ ᠮᠥᠩᠭᠦᠨ ᠤ ᠬᠡᠪᠴᠢᠶ᠎ᠡ ᠶᠢ ᠴᠠᠭ ᠲᠤ ᠨᠢ ᠲᠣᠬᠢᠷᠠᠭᠤᠯᠤᠨ ᠥᠷᠭᠡᠳᠬᠡᠨ᠎ᠡ᠃ ᠮᠥᠩᠭᠦᠨ ᠭᠦᠢᠯᠭᠡᠭᠡᠨ ᠤ | ᠪᠠᠶᠢᠭᠤᠯᠤᠮᠵᠢ ᠨᠢ ᠦᠢᠯᠡᠰ ᠴᠣᠭᠴᠠᠯᠠᠨ ᠠᠵᠢᠯ ᠣᠯᠭᠤᠬᠤ ᠳᠤ ᠦᠢᠯᠡᠴᠢᠯᠡᠬᠦ ᠢᠳᠡᠪᠬᠢᠵᠢᠯ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠦᠢᠯᠡᠰ ᠴᠣᠭᠴᠠᠯᠠᠬᠤ 365赢多少钱会被限额_国内有真正的365平台吗_365bet博彩官网 | ᠳᠠᠭᠠᠭᠠᠯᠲᠠ ᠲᠠᠢ ᠵᠢᠭᠡᠯᠡᠯᠭᠡ ᠶᠢ ᠬᠠᠮᠢᠶᠠᠷᠬᠤ ᠠᠵᠢᠯ ᠢᠶᠠᠨ ᠰᠠᠶᠢᠳᠤᠷ ᠬᠢᠵᠦ᠂ ᠳᠣᠲᠣᠭᠠᠳᠤ ᠶᠢᠨ ᠬᠠᠮᠢᠶᠠᠷᠤᠯᠲᠠ ᠶᠢᠨ ᠲᠣᠭᠲᠠᠴᠠ ᠪᠠᠨ ᠲᠡᠭᠦᠯᠳᠡᠷᠵᠢᠭᠦᠯᠦᠨ᠂ | ᠵᠢᠭᠡᠯᠡᠯᠭᠡ ᠶᠢᠨ ᠲᠦᠭᠰᠢᠭᠦᠷᠢ ᠠᠴᠠ ᠰᠡᠷᠭᠡᠶᠢᠯᠡᠵᠦ᠂ ᠵᠢᠭᠡᠯᠡᠯᠭᠡ ᠳᠤ ᠦᠢᠯᠡᠴᠢᠯᠡᠬᠦ ᠶᠠᠰᠤ ᠴᠢᠨᠠᠷ ᠪᠣᠯᠣᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ᠃ ᠵᠢᠵᠢᠭ | ᠪᠢᠴᠢᠯ ᠠᠵᠤ ᠠᠬᠤᠶᠢᠯᠠᠯ ᠪᠤᠶᠤ ᠬᠤᠪᠢ ᠶᠢᠨ ᠡᠵᠡᠩᠨᠡᠯᠲᠡ ᠶᠢ ᠠᠩᠬ᠎ᠠ ᠬᠢᠵᠦ ᠪᠠᠶᠢᠭ᠎ᠠ ᠮᠥᠷᠲᠡᠭᠡᠨ ᠪᠠᠶᠢᠭᠤᠯᠵᠤ ᠡᠷᠬᠢᠯᠡᠭᠰᠡᠨ ᠠᠵᠤ ᠠᠬᠤᠶᠢᠯᠠᠯ ᠪᠤᠶᠤ ᠬᠤᠪᠢ ᠶᠢᠨ | ᠦᠢᠯᠡᠳᠪᠦᠷᠢ ᠬᠤᠳᠠᠯᠳᠤᠭᠠᠨ ᠤ ᠡᠷᠦᠬᠡ ᠪᠠᠨ ᠲᠡᠮᠳᠡᠭᠯᠡᠭᠦᠯᠵᠦ ᠳᠠᠩᠰᠠᠯᠠᠭᠤᠯᠤᠭᠰᠠᠨ ᠡᠳᠦᠷ ᠠᠴᠠ ᠡᠬᠢᠯᠡᠵᠦ ᠬᠡᠪ ᠤᠨ ᠪᠠᠶᠢᠳᠠᠯ ᠢᠶᠠᠷ ᠵᠢᠯ ᠢᠯᠡᠭᠦᠦ ᠠᠵᠢᠯᠯᠠᠭᠤᠯᠤᠭᠰᠠᠨ | ᠰᠤᠷᠭᠠᠭᠤᠯᠢ ᠠᠴᠠ ᠲᠡᠭᠦᠰᠴᠦ ᠶᠠᠪᠤᠭᠠᠳ ᠬᠤᠶᠠᠷ ᠵᠢᠯ ᠪᠣᠯᠣᠭᠠᠳᠤᠢ ᠳᠡᠭᠡᠳᠦ ᠰᠤᠷᠭᠠᠭᠤᠯᠢ ᠲᠡᠭᠦᠰᠦᠭᠰᠡᠳ᠂ ᠠᠵᠢᠯ ᠣᠯᠬᠤ ᠳᠤ ᠬᠦᠴᠢᠷᠲᠡᠢ ᠬᠥᠮᠥᠰ ᠲᠤ 5000 | ᠲᠥᠭᠦᠷᠢᠭ ᠤᠨ ᠦᠢᠯᠡᠰ ᠴᠣᠭᠴᠠᠯᠠᠬᠤ ᠨᠡᠮᠡᠭᠦᠷᠢ ᠶᠢ ᠨᠢᠭᠡ ᠯᠡ ᠤᠳᠠᠭ᠎ᠠ ᠪᠠᠷ ᠣᠯᠭᠤᠨ᠎ᠠ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ | ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | ᠳᠥᠷᠪᠡ᠂ ᠦᠢᠯᠡᠰ ᠴᠣᠭᠴᠠᠯᠠᠬᠤ ᠠᠴᠢᠶᠠᠯᠠᠪᠤᠷᠢ ᠶᠢᠨ ᠪᠠᠶᠢᠭᠤᠯᠤᠯᠲᠠ ᠶᠢ ᠳᠡᠮᠵᠢᠬᠦ ᠡᠷᠴᠢᠮ ᠢ ᠴᠢᠩᠭᠠᠷᠠᠭᠤᠯᠤᠨ᠎ᠠ | ᠡᠯ᠎ᠡ ᠭᠠᠵᠠᠷ ᠣᠷᠣᠨ ᠢ ᠵᠣᠷᠢᠬᠵᠢᠭᠤᠯᠵᠤ ᠪᠠᠶᠢᠭᠠᠳ ᠭᠤᠣᠯᠳᠠᠯᠭ᠎ᠠ ᠲᠠᠢ ᠬᠥᠮᠥᠰ ᠲᠤ ᠦᠢᠯᠡᠰ ᠴᠣᠭᠴᠠᠯᠠᠵᠤ ᠨᠡᠪᠴᠢᠭᠦᠯᠬᠦ ᠠᠴᠢᠶᠠᠯᠠᠪᠤᠷᠢ ᠶᠢ ᠲᠦᠷᠭᠡᠳᠬᠡᠨ | ᠪᠠᠶᠢᠭᠤᠯᠵᠤ᠂ ᠠᠵᠤ ᠠᠬᠤᠶᠢᠯᠠᠯ ᠪᠣᠯᠣᠨ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠦᠢᠯᠡᠰ ᠴᠣᠭᠴᠠᠯᠠᠬᠤ ᠬᠦᠷᠢᠶᠡᠯᠡᠩ ᠪᠣᠯᠣᠨ ᠦᠢᠯᠡᠰ ᠴᠣᠭᠴᠠᠯᠠᠵᠤ ᠨᠡᠪᠴᠢᠭᠦᠯᠬᠦ | ᠰᠠᠭᠤᠷᠢᠨ ᠭᠠᠵᠠᠷ᠂ ᠣᠯᠠᠨ ᠢᠶᠠᠷ ᠢᠶᠠᠨ ᠴᠣᠭᠴᠠᠯᠠᠵᠤ ᠳᠠᠭᠠᠭᠠᠴᠢᠯᠠᠵᠤ ᠲᠡᠳᠬᠦᠵᠦ ᠲᠥᠯᠥᠪᠯᠡᠵᠦ ᠦᠢᠯᠡᠰ ᠴᠣᠭᠴᠠᠯᠠᠬᠤ ᠳᠤ ᠲᠤᠯᠭᠠᠭᠤᠷᠢᠯᠠᠬᠤ ᠲᠠᠪᠴᠠᠩ ᠨᠢ | ᠬᠦᠳᠡᠯᠮᠥᠷᠢᠯᠡᠭᠴᠢᠳ ᠤᠨ ᠦᠢᠯᠡᠰ ᠴᠣᠭᠴᠠᠯᠠᠬᠤ ᠳᠤ ᠵᠥᠪᠯᠡᠯᠭᠡ᠂ ᠮᠡᠳᠡᠭᠡ ᠵᠠᠩᠭᠢ᠂ ᠲᠥᠷᠥᠯ ᠵᠦᠢᠯ᠂ ᠪᠣᠯᠪᠠᠰᠤᠷᠠᠭᠤᠯᠤᠯ᠂ ᠪᠡᠯᠡ ᠲᠣᠬᠢᠷᠠᠭᠤᠯᠬᠤ᠂ ᠨᠡᠪᠴᠢᠭᠦᠯᠬᠦ᠂ | ᠠᠵᠢᠯᠯᠠᠵᠤ ᠡᠬᠢᠯᠡᠬᠦ᠂ ᠬᠠᠪᠰᠤᠷᠴᠤ ᠲᠡᠳᠬᠦᠬᠦ ᠲᠠᠯ᠎ᠠ ᠪᠠᠷ ᠬᠢ ᠦᠢᠯᠡᠰ ᠴᠣᠭᠴᠠᠯᠠᠬᠤ ᠶᠢ ᠨᠢ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠡᠷᠭᠡ | ᠦᠢᠯᠡᠴᠢᠯᠡᠭᠡ ᠬᠠᠩᠭᠠᠵᠤ ᠥᠭᠬᠦ ᠳᠤ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠬᠡᠯᠪᠡᠷᠢ ᠪᠠᠷ ᠳᠠᠮᠵᠢᠭᠤᠯᠤᠨ᠂ ᠦᠢᠯᠡᠰ ᠴᠣᠭᠴᠠᠯᠠᠬᠤ ᠳᠤ ᠪᠠᠨ | ᠦᠢᠯᠡᠴᠢᠯᠡᠭᠦᠯᠬᠦ ᠲᠤᠭ᠎ᠠ ᠬᠡᠮᠵᠢᠶ᠎ᠡ ᠪᠣᠯᠣᠨ ᠦᠢᠯᠡᠰ ᠴᠣᠭᠴᠠᠯᠠᠬᠤ ᠳᠤ ᠦᠢᠯᠡᠴᠢᠯᠡᠭᠰᠡᠨ ᠦᠷ᠎ᠡ ᠦᠢᠯᠡᠳᠦᠯ ᠢ ᠨᠢ ᠦᠨᠳᠦᠰᠦᠯᠡᠵᠦ ᠦᠢᠯᠡᠰ ᠴᠣᠭᠴᠠᠯᠠᠨ ᠠᠵᠢᠯ | ᠣᠯᠭᠤᠵᠤ ᠦᠢᠯᠡᠴᠢᠯᠡᠭᠰᠡᠨ ᠨᠡᠮᠡᠭᠦᠷᠢ ᠥᠭᠴᠦ ᠪᠣᠯᠣᠨ᠎ᠠ᠃ ᠦᠢᠯᠡᠰ ᠴᠣᠭᠴᠠᠯᠠᠬᠤ ᠪᠣᠯᠪᠠᠰᠤᠷᠠᠭᠤᠯᠤᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠤᠶᠢᠵᠢᠭᠤᠯᠬᠤ | ᠪᠠ ᠴᠣᠭᠴᠠᠯᠠᠭᠰᠠᠨ ᠨᠢ᠂ ᠦᠢᠯᠡᠰ ᠴᠣᠭᠴᠠᠯᠠᠬᠤ ᠪᠣᠯᠪᠠᠰᠤᠷᠠᠭᠤᠯᠤᠯ ᠥᠷᠨᠢᠭᠦᠯᠦᠭᠰᠡᠨ ᠦᠷ᠎ᠡ ᠪᠦᠲᠦᠬᠡᠮᠵᠢ ᠪᠠᠷ ᠲᠣᠪᠤᠶᠢᠮ᠎ᠠ ᠪᠠᠶᠢᠵᠤ᠂ ᠤᠯᠤᠰ ᠤᠨ ᠳᠡᠰ ᠤᠨ ᠵᠢᠱᠢᠶ᠎ᠡ | ᠦᠵᠡᠭᠦᠯᠬᠦ ᠴᠢᠨᠠᠷᠲᠠᠢ ᠦᠢᠯᠡᠰ ᠴᠣᠭᠴᠠᠯᠠᠵᠤ ᠨᠡᠪᠴᠢᠭᠦᠯᠬᠦ ᠰᠠᠭᠤᠷᠢᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠳᠡᠰ ᠤᠨ ᠵᠢᠱᠢᠶ᠎ᠡ ᠦᠵᠡᠭᠦᠯᠬᠦ ᠴᠢᠨᠠᠷᠲᠠᠢ ᠦᠢᠯᠡᠰ | ᠴᠣᠭᠴᠠᠯᠠᠬᠤ ᠬᠦᠷᠢᠶᠡᠯᠡᠩ ᠪᠣᠯᠣᠨ ᠨᠡᠪᠴᠢᠭᠦᠯᠬᠦ ᠰᠠᠭᠤᠷᠢᠨ ᠭᠠᠵᠠᠷ ᠢᠶᠠᠷ ᠮᠠᠭᠠᠳᠯᠠᠨ ᠲᠣᠭᠲᠠᠭᠠᠭᠳᠠᠭᠰᠠᠨ ᠪᠠᠶᠢᠪᠠᠯ᠂ ᠲᠣᠭᠲᠠᠭᠠᠯ ᠶᠣᠰᠣᠭᠠᠷ ᠦᠢᠯᠡᠰ ᠴᠣᠭᠴᠠᠯᠠᠨ | ᠠᠵᠢᠯ ᠣᠯᠭᠤᠬᠤ ᠶᠢᠨ ︽ᠱᠠᠩᠨᠠᠬᠤ ᠪᠠᠷ ᠨᠥᠬᠦᠪᠦᠷᠢᠯᠡᠬᠦ ᠶᠢ ᠣᠷᠣᠯᠠᠭᠤᠯᠬᠤ︾ ᠪᠡᠯᠡ ᠮᠦᠩᠭᠦᠨ ᠤ ᠬᠡᠪᠴᠢᠶᠡᠨ ᠳᠤ ᠣᠷᠣᠭᠤᠯᠵᠦ ᠳᠡᠮᠵᠢᠵᠦ ᠪᠣᠯᠣᠨ᠎ᠠ᠃ ᠳᠡᠭᠡᠷᠡᠬᠢ | ᠵᠦᠢᠯ ᠳᠤ ᠬᠡᠷᠡᠭᠰᠡᠬᠦ ᠵᠠᠷᠤᠳᠠᠯ ᠢ ᠠᠵᠢᠯ ᠣᠯᠭᠤᠯᠲᠠ ᠶᠢᠨ ᠨᠥᠬᠦᠪᠦᠷᠢ ᠠᠴᠠ ᠵᠠᠷᠤᠴᠠᠭᠤᠯᠤᠨ᠎ᠠ᠃ ᠠᠵᠢᠯ ᠣᠯᠭᠤᠬᠤ ᠶᠢ ᠲᠣᠭᠲᠠᠪᠤᠷᠢᠵᠢᠭᠤᠯᠬᠤ ᠡᠭᠦᠷᠭᠡ ᠨᠡᠯᠢᠶᠡᠳ ᠶᠡᠭᠡ | ᠪᠠᠶᠢᠭ᠎ᠠ ᠭᠠᠵᠠᠷ ᠣᠷᠣᠨ ᠢ ᠳᠡᠮᠵᠢᠵᠦ ᠪᠠᠶᠢᠭᠠᠳ ᠠᠵᠢᠯ ᠠᠯᠳᠠᠭᠰᠠᠳ ᠤᠨ ᠪᠡᠶ᠎ᠡ ᠪᠠᠨ ᠳᠠᠭᠠᠭᠠᠵᠤ ᠦᠢᠯᠡᠰ ᠴᠣᠭᠴᠠᠯᠠᠬᠤ ᠳᠤ ᠡᠵᠡᠩᠨᠡᠬᠦ ᠲᠠᠯᠠᠪᠤᠷ ᠭᠠᠵᠠᠷ᠂ ᠦᠢᠯᠡᠰ | ᠴᠣᠭᠴᠠᠯᠠᠬᠤ ᠲᠥᠷᠥ ᠶᠢᠨ ᠪᠣᠳᠤᠯᠭ᠎ᠠ ᠶᠢᠨ ᠵᠥᠪᠯᠡᠯᠭᠡ᠂ ᠦᠢᠯᠡᠰ ᠴᠣᠭᠴᠠᠯᠠᠬᠤ ᠪᠣᠯᠪᠠᠰᠤᠷᠠᠭᠤᠯᠤᠯ ᠵᠡᠷᠭᠡ ᠶᠢ ᠲᠥᠯᠥᠪᠦᠷᠢ ᠦᠭᠡᠢ ᠪᠠᠷ ᠬᠠᠩᠭᠠᠵᠤ ᠥᠭᠭᠦᠨ᠎ᠡ᠃ ︵ | ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ᠲᠠᠪᠤ᠂ ᠵᠠᠯᠠᠭᠤᠴᠤᠳ ᠢ ᠢᠳᠡᠪᠬᠢᠲᠡᠢ ᠵᠣᠷᠢᠬᠵᠢᠭᠤᠯᠤᠨ ᠠᠵᠢᠯ ᠣᠯᠬᠤ ᠳᠠᠳᠤᠯᠭ᠎ᠠ ᠳᠤ ᠣᠷᠣᠯᠴᠠᠭᠤᠯᠤᠨ᠎ᠠ | 2019 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠲᠦᠮᠡᠨ ᠵᠠᠯᠠᠭᠤᠴᠤᠳ ᠤᠨ ᠳᠠᠳᠤᠯᠭ᠎ᠠ ᠬᠢᠬᠦ ᠲᠥᠯᠥᠪᠯᠡᠭᠡ ᠶᠢ ᠬᠡᠷᠡᠭᠵᠢᠭᠦᠯᠵᠦ᠂ 2021 365赢多少钱会被限额_国内有真正的365平台吗_365bet博彩官网 | ᠣᠨ ᠪᠣᠯᠬᠤ ᠳᠤ 3 ᠲᠦᠮᠡᠨ ᠵᠠᠯᠠᠭᠤᠴᠤᠳ ᠢ ᠵᠣᠬᠢᠶᠠᠨ ᠪᠠᠶᠢᠭᠤᠯᠵᠤ ᠠᠵᠢᠯ ᠣᠯᠬᠤ ᠳᠠᠳᠤᠯᠭ᠎ᠠ ᠳᠤ ᠣᠷᠣᠯᠴᠠᠭᠤᠯᠤᠨ᠎ᠠ᠃ ᠠᠵᠢᠯ ᠣᠯᠬᠤ ᠳᠠᠳᠤᠯᠭ᠎ᠠ ᠶᠢᠨ | ᠨᠡᠮᠡᠭᠦᠷᠢ ᠶᠢᠨ ᠬᠦᠷᠢᠶ᠎ᠡ ᠬᠡᠪᠴᠢᠶ᠎ᠡ ᠶᠢ ᠰᠤᠷᠭᠠᠭᠤᠯᠢ ᠠᠴᠠ ᠲᠡᠭᠦᠰᠴᠦ ᠶᠠᠪᠤᠭᠠᠳ ᠠᠵᠢᠯ ᠣᠯᠣᠭᠠᠳᠤᠢ ᠳᠡᠭᠡᠳᠦ ᠰᠤᠷᠭᠠᠭᠤᠯᠢ ᠲᠡᠭᠦᠰᠦᠭᠰᠡᠳ ᠪᠠᠶᠢᠭᠰᠠᠨ ᠠᠴᠠ ᠠᠵᠢᠯ | ᠠᠯᠳᠠᠭᠰᠠᠨ 16 — 24 ᠨᠠᠰᠤᠨ ᠤ ᠵᠠᠯᠠᠭᠤᠴᠤᠳ ᠪᠣᠯᠲᠠᠯ᠎ᠠ ᠥᠷᠭᠡᠳᠬᠡᠨ᠎ᠡ᠃ ᠠᠵᠢᠯ ᠠᠯᠳᠠᠭᠰᠠᠨ ᠵᠠᠯᠠᠭᠤᠴᠤᠳ ᠢ ᠵᠣᠬᠢᠶᠠᠨ ᠪᠠᠶᠢᠭᠤᠯᠵᠤ 3 — 12 | ᠰᠠᠷ᠎ᠠ ᠶᠢᠨ ᠠᠵᠢᠯ ᠣᠯᠬᠤ ᠳᠠᠳᠤᠯᠭ᠎ᠠ ᠳᠤ ᠣᠷᠣᠯᠴᠠᠭᠤᠯᠤᠨ᠂ ᠲᠣᠭᠲᠠᠭᠠᠯ ᠶᠣᠰᠣᠭᠠᠷ ᠠᠵᠢᠯ ᠣᠯᠬᠤ ᠳᠠᠳᠤᠯᠭ᠎ᠠ ᠶᠢᠨ ᠨᠡᠮᠡᠭᠦᠷᠢ ᠣᠯᠭᠤᠨ᠎ᠠ᠂ ᠳᠠᠳᠤᠯᠭ᠎ᠠ ᠶᠢᠨ | ᠨᠡᠮᠡᠭᠦᠷᠢ ᠶᠢᠨ ᠪᠠᠷᠢᠮᠵᠢᠶ᠎ᠠ ᠶᠢ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠥᠷᠥᠯ ᠤᠨ ᠲᠣᠭᠤᠷᠢᠭ ᠲᠠᠬᠢ ᠬᠠᠮᠤᠭ ᠨᠠᠭᠠᠲᠤ ᠵᠠᠬ᠎ᠠ ᠶᠢᠨ ᠴᠠᠯᠢᠩ ᠤᠨ ᠪᠠᠷᠢᠮᠵᠢᠶ᠎ᠠ ᠶᠢᠨ | 50% ᠪᠠᠶᠢᠯᠭᠠᠵᠤ᠂ ᠳᠠᠳᠤᠯᠭ᠎ᠠ ᠬᠢᠭᠰᠡᠳ ᠤᠨ ᠳᠠᠳᠤᠯᠭ᠎ᠠ ᠶᠢᠨ ᠬᠤᠭᠤᠴᠠᠭ᠎ᠠ ᠨᠢ ᠳᠠᠭᠤᠰᠤᠭᠰᠠᠨ ᠤ ᠳᠠᠷᠠᠭ᠎ᠠ ᠬᠤᠴᠣᠷᠭᠠᠨ ᠠᠵᠢᠯᠯᠠᠭᠤᠯᠤᠭᠰᠠᠨ ᠨᠣᠷᠮ᠎ᠠ ᠨᠢ | 50% ᠠᠴᠠ ᠳᠡᠭᠡᠭᠰᠢ ᠳᠤ ᠬᠦᠷᠦᠭᠰᠡᠨ ᠨᠢᠭᠡᠴᠢ ᠳᠤ ᠨᠡᠮᠡᠭᠦᠷᠢ ᠥᠭᠬᠦ ᠪᠠᠷᠢᠮᠵᠢᠶ᠎ᠠ ᠶᠢ ᠨᠢ 60% ᠪᠣᠯᠲᠠᠯ᠎ᠠ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ | ᠪᠣᠯᠣᠨ ᠨᠢᠭᠡᠴᠢ ᠬᠠᠷᠢᠭᠤᠴᠠᠨ᠎ᠠ︶ | ᠵᠢᠷᠭᠤᠭ᠎ᠠ᠂ ᠬᠦᠴᠢᠷᠳᠡᠯ ᠲᠠᠢ ᠠᠵᠤ ᠠᠬᠤᠶᠢᠯᠠᠯ ᠢ ᠳᠡᠮᠵᠢᠵᠦ ᠠᠵᠢᠯᠲᠠᠨ ᠠᠵᠢᠯᠴᠢᠨ ᠤ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠢ ᠥᠷᠨᠢᠭᠦᠯᠦᠨ᠎ᠡ | 2019 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠬᠦᠴᠢᠷᠳᠡᠯ ᠲᠠᠢ ᠠᠵᠤ ᠠᠬᠤᠶᠢᠯᠠᠯ ᠤᠨ | ᠠᠵᠢᠯᠲᠠᠨ ᠠᠵᠢᠯᠴᠢᠨ ᠤ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠵᠤ ᠥᠷᠨᠢᠭᠦᠯᠬᠦ ᠳᠤ ᠬᠡᠷᠡᠭᠰᠡᠬᠦ ᠵᠠᠷᠤᠳᠠᠯ ᠢ ᠨᠢ ᠲᠣᠭᠲᠠᠭᠠᠯ ᠶᠣᠰᠣᠭᠠᠷ ᠠᠵᠤ | ᠠᠬᠤᠶᠢᠯᠠᠯ ᠤᠨ ᠠᠵᠢᠯᠲᠠᠨ ᠠᠵᠢᠯᠴᠢᠨ ᠤ ᠰᠤᠷᠭᠠᠨ ᠬᠥᠮᠥᠵᠢᠯ ᠤᠨ ᠵᠠᠷᠤᠳᠠᠯ ᠠᠴᠠ ᠵᠠᠷᠤᠴᠠᠭᠤᠯᠤᠨ᠎ᠠ᠂ ᠬᠦᠷᠦᠯᠴᠡᠬᠦ ᠦᠭᠡᠢ ᠬᠡᠰᠡᠭ ᠢ ᠨᠢ ᠪᠠᠶᠢᠭ᠎ᠠ ᠭᠠᠵᠠᠷ ᠤᠨ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠵᠤ ᠦᠨᠡᠯᠡᠨ ᠵᠢᠱᠢᠭᠦᠯᠦᠭᠡᠳ ᠬᠢᠷᠢ | ᠲᠡᠩᠴᠡᠭᠰᠡᠨ ᠤ ᠳᠠᠷᠠᠭ᠎ᠠ᠂ ᠠᠵᠢᠯ ᠣᠯᠭᠤᠬᠤ ᠨᠥᠬᠦᠪᠦᠷᠢ ᠶᠢᠨ ᠪᠡᠯᠡ ᠮᠥᠩᠭᠦ ᠪᠠᠷ ᠵᠣᠬᠢᠰᠲᠠᠢ ᠳᠡᠮᠵᠢᠵᠦ ᠪᠣᠯᠣᠨ᠎ᠠ᠃ ᠬᠦᠴᠢᠷᠳᠡᠯ ᠲᠠᠢ ᠠᠵᠤ ᠠᠬᠤᠶᠢᠯᠠᠯ ᠤᠨ | ᠠᠵᠢᠯ ᠤᠨ ᠪᠠᠶᠢᠷᠢ ᠰᠢᠯᠵᠢᠭᠰᠡᠨ ᠠᠵᠢᠯᠲᠠᠨ ᠠᠵᠢᠯᠴᠢᠨ ᠢ ᠢᠳᠡᠪᠬᠢᠲᠡᠢ ᠬᠥᠲᠥᠯᠥᠨ ᠵᠢᠯᠣᠭᠤᠳᠴᠤ ᠪᠠᠶᠢᠭᠠᠳ ᠰᠢᠨ᠎ᠡ ᠬᠡᠯᠪᠡᠷᠢ ᠪᠦᠬᠦᠢ ᠱᠠᠪᠢ ᠳᠠᠭᠠᠭᠤᠯᠬᠤ ᠳᠦᠷᠢᠮᠲᠦ | ᠪᠣᠯᠪᠠᠰᠤᠷᠠᠭᠤᠯᠤᠯ ᠢ ᠥᠷᠨᠢᠭᠦᠯᠦᠨ᠂ ︽ᠰᠤᠷᠭᠠᠭᠤᠯᠢ ᠪᠣᠯᠣᠨ ᠠᠵᠤ ᠠᠬᠤᠶᠢᠯᠠᠯ ᠳᠤ ᠬᠤᠣᠰ ᠳᠦᠷᠢᠮ ᠲᠠᠢ᠂ ᠠᠵᠢᠯᠯᠠᠬᠤ ᠪᠠ ᠰᠤᠷᠬᠤ ᠶᠢ ᠨᠢᠭᠡ ᠴᠣᠭᠴᠠᠵᠢᠭᠤᠯᠬᠤ︾ | ᠬᠡᠯᠪᠡᠷᠢ ᠶᠢ ᠬᠡᠷᠡᠭᠯᠡᠨ ᠳᠤᠮᠳᠠ ᠪᠣᠯᠣᠨ ᠳᠡᠭᠡᠳᠦ ᠵᠡᠷᠭᠡ ᠶᠢᠨ ᠤᠷ᠎ᠠ ᠮᠡᠷᠭᠡᠰᠢᠯ ᠲᠠᠢ ᠠᠵᠢᠯᠲᠠᠨ ᠢ ᠬᠥᠮᠥᠵᠢᠭᠦᠯᠦᠨ᠎ᠡ᠂ 1 — 2 ᠵᠢᠯ ᠤᠨ ᠬᠤᠭᠤᠴᠠᠭ᠎ᠠ ᠲᠠᠢ | ᠬᠥᠮᠥᠵᠢᠭᠦᠯᠵᠦ᠂ ᠲᠣᠭᠲᠠᠭᠠᠯ ᠶᠣᠰᠣᠭᠠᠷ ᠪᠣᠯᠪᠠᠰᠤᠷᠠᠭᠤᠯᠤᠯ ᠤᠨ ᠨᠡᠮᠡᠭᠦᠷᠢ ᠣᠯᠭᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠷᠢᠭᠤᠴᠠᠨ᠎ᠠ︶ | ᠳᠣᠯᠤᠭ᠎ᠠ᠂ ᠠᠵᠢᠯ ᠠᠯᠳᠠᠭᠰᠠᠳ ᠲᠤ ᠳᠠᠬᠢᠵᠤ ᠠᠵᠢᠯ ᠣᠯᠬᠤ ᠪᠣᠯᠪᠠᠰᠤᠷᠠᠭᠤᠯᠤᠯ ᠬᠢᠬᠦ ᠡᠷᠴᠢᠮ ᠢ ᠴᠢᠩᠭᠠᠷᠠᠭᠤᠯᠤᠨ᠎ᠠ | ᠡᠯ᠎ᠡ ᠲᠥᠷᠥᠯ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠰᠤᠷᠭᠠᠭᠤᠯᠢ ᠪᠠᠭᠲᠠᠨ᠎ᠠ︶᠂ ᠡᠩ ᠤᠨ ᠳᠡᠭᠡᠳᠦ ᠵᠡᠷᠭᠡ ᠶᠢᠨ | ᠰᠤᠷᠭᠠᠭᠤᠯᠢ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠪᠣᠯᠣᠨ ᠨᠥᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠢ ᠳᠡᠮᠵᠢᠵᠦ ᠪᠠᠶᠢᠭᠠᠳ ᠠᠵᠢᠯ | ᠠᠯᠳᠠᠭᠰᠠᠳ ᠲᠤ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠪᠣᠯᠪᠠᠰᠤᠷᠠᠭᠤᠯᠤᠯ ᠪᠤᠶᠤ ᠦᠢᠯᠡᠰ ᠴᠣᠭᠴᠠᠯᠠᠬᠤ ᠪᠣᠯᠪᠠᠰᠤᠷᠠᠭᠤᠯᠤᠯ ᠬᠢᠬᠦ ᠠᠵᠢᠯ ᠢ ᠳᠠᠭᠠᠭᠠᠨ | ᠡᠭᠦᠷᠭᠡᠯᠡᠭᠦᠯᠦᠨ᠎ᠡ᠃ ᠵᠠᠰᠠᠭ ᠤᠨ ᠣᠷᠳᠣᠨ ᠤ ᠨᠡᠮᠡᠭᠦᠷᠢ ᠲᠠᠢ ᠪᠣᠯᠪᠠᠰᠤᠷᠠᠭᠤᠯᠤᠯ᠂ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠪᠣᠯᠪᠠᠰᠤᠷᠠᠭᠤᠯᠤᠯ ᠪᠣᠯᠣᠨ ᠣᠷᠣᠨ | ᠪᠦᠰᠡ ᠶᠢᠨ ᠣᠨᠴᠠᠯᠢᠭ ᠲᠠᠢ ᠪᠣᠯᠪᠠᠰᠤᠷᠠᠭᠤᠯᠤᠯ ᠤᠨ ᠭᠠᠷᠴᠠᠭ ᠢ ᠡᠯᠰᠡᠨ ᠴᠣᠭᠴᠠᠯᠠᠭᠤᠯᠬᠤ ᠶᠢᠨ ᠬᠠᠮᠲᠤ ᠨᠡᠶᠢᠲᠡᠯᠡᠵᠤ᠂ ᠪᠣᠯᠪᠠᠰᠤᠷᠠᠭᠤᠯᠤᠯ ᠤᠨ ᠬᠠᠨᠲᠤᠯᠭᠠᠲᠤ ᠴᠢᠨᠠᠷ | ᠪᠤᠯᠤᠨ ᠦᠷ᠎ᠡ ᠪᠦᠲᠦᠮᠵᠢᠲᠦ ᠴᠢᠨᠠᠷ ᠢ ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ᠂ ᠠᠵᠤ ᠠᠬᠤᠶᠢᠯᠠᠯ᠂ ᠨᠡᠶᠢᠭᠡᠮ ᠤᠨ ᠬᠢᠨ ᠤ ᠵᠡᠷᠭᠡ ᠡᠯ᠎ᠡ ᠲᠥᠷᠥᠯ ᠤᠨ | ᠪᠣᠯᠪᠠᠰᠤᠷᠠᠭᠤᠯᠤᠯ ᠤᠨ ᠡᠬᠢ ᠪᠠᠶᠠᠯᠢᠭ ᠢ ᠰᠢᠯᠢᠳᠡᠭᠵᠢᠭᠦᠯᠵᠦ ᠡᠮᠬᠢᠯᠡᠨ ᠨᠡᠶᠢᠯᠡᠭᠦᠯᠬᠦ ᠡᠷᠴᠢᠮ ᠢᠶᠠᠨ ᠴᠢᠩᠭᠠᠷᠠᠭᠤᠯᠤᠨ᠂ ᠪᠣᠯᠪᠠᠰᠤᠷᠠᠭᠤᠯᠤᠭᠰᠠᠨ ᠦᠷ᠎ᠡ ᠪᠦᠲᠦᠮᠵᠢ ᠪᠠᠷ | ᠰᠠᠶᠢᠨ᠂ ᠪᠣᠯᠪᠠᠰᠤᠷᠠᠭᠤᠯᠤᠭᠰᠠᠨ ᠤ ᠳᠠᠷᠠᠭ᠎ᠠ ᠠᠵᠢᠯ ᠣᠯᠣᠭᠰᠠᠨ ᠨᠢ ᠲᠣᠭᠲᠠᠪᠤᠷᠢᠲᠠᠢ᠂ ᠪᠣᠯᠪᠠᠰᠤᠷᠠᠭᠤᠯᠤᠭᠰᠠᠨ ᠬᠡᠪᠴᠢᠶ᠎ᠡ ᠨᠢ ᠵᠣᠬᠢᠬᠤ ᠬᠠᠷᠢᠴᠠᠯ ᠳᠤ ᠬᠦᠷᠦᠭᠰᠡᠨ | ᠪᠣᠳᠠᠲᠠᠢ ᠪᠣᠯᠪᠠᠰᠤᠷᠠᠭᠤᠯᠬᠤ ᠰᠠᠭᠤᠷᠢᠨ ᠭᠠᠵᠠᠷ ᠲᠤ᠂ ᠲᠣᠭᠲᠠᠭᠠᠯ ᠶᠣᠰᠣᠭᠠᠷ ᠦᠢᠯᠡᠰ ᠴᠣᠭᠴᠠᠯᠠᠨ ᠠᠵᠢᠯ ᠣᠯᠭᠤᠭᠰᠠᠨ ᠤ ︽ᠱᠠᠩᠨᠠᠬᠤ ᠪᠠᠷ ᠨᠥᠬᠦᠪᠦᠷᠢᠯᠡᠬᠦ ᠶᠢ | ᠣᠷᠣᠯᠠᠭᠤᠯᠬᠤ︾ ᠪᠡᠯᠡ ᠮᠥᠩᠭᠦ ᠶᠢᠨ ᠳᠡᠮᠵᠢᠯᠭᠡ ᠦᠵᠡᠭᠦᠯᠦᠨ᠎ᠡ᠃ ᠪᠣᠯᠪᠠᠰᠤᠷᠠᠭᠤᠯᠤᠯ ᠳᠤ ᠬᠢᠷᠢ ᠲᠡᠩᠴᠡᠭᠰᠡᠨ ᠠᠵᠢᠯ ᠠᠯᠳᠠᠭᠰᠠᠳ ᠲᠤ ᠠᠵᠢᠯ ᠮᠡᠷᠭᠡᠵᠢᠯ ᠤᠨ | ᠪᠣᠯᠪᠠᠰᠤᠷᠠᠭᠤᠯᠤᠯ ᠤᠨ ᠨᠡᠮᠡᠭᠦᠷᠢ ᠣᠯᠭᠤᠵᠤ᠂ ᠨᠡᠮᠡᠭᠦᠷᠢ ᠶᠢᠨ ᠪᠠᠷᠢᠮᠵᠢᠶ᠎ᠠ ᠶᠢ ᠪᠣᠯᠪᠠᠰᠤᠷᠠᠭᠤᠯᠤᠭᠰᠠᠨ ᠥᠪᠡᠷ ᠤᠨ ᠥᠷᠲᠡᠭ᠂ ᠪᠣᠯᠪᠠᠰᠤᠷᠠᠭᠤᠯᠤᠭᠰᠠᠨ ᠴᠠᠭ | ᠬᠤᠭᠤᠴᠠᠭ᠎ᠠ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠪᠣᠯᠣᠨ ᠬᠠᠮᠢᠶ᠎ᠠ ᠪᠦᠬᠦᠢ ᠦᠨᠡᠮᠯᠡᠯ ᠣᠯᠣᠭᠰᠠᠨ ᠪᠠᠶᠢᠳᠠᠯ ᠵᠡᠷᠭᠡ ᠶᠢ ᠨᠢ ᠦᠨᠳᠦᠰᠦᠯᠡᠨ ᠲᠣᠭᠲᠠᠭᠠᠨ᠎ᠠ᠃ | 2019 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ 2020 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠲᠡᠳᠡᠭᠡᠷ ᠤᠨ ᠠᠵᠢᠯ ᠣᠯᠬᠤ ᠳᠤ | ᠬᠦᠴᠢᠷᠲᠡᠢ ᠬᠥᠮᠥᠰ ᠪᠣᠯᠣᠨ ᠠᠵᠢᠯ ᠲᠠᠢ ᠬᠥᠮᠥᠨ ᠦᠭᠡᠢ ᠭᠡᠷ ᠪᠦᠯᠢ ᠶᠢᠨ ᠪᠦᠷᠢᠯᠳᠦᠬᠦᠨ ᠨᠠᠷ ᠲᠤ ᠪᠣᠯᠪᠠᠰᠤᠷᠠᠭᠤᠯᠬᠤ ᠬᠤᠭᠤᠴᠠᠭᠠᠨ ᠳᠠᠬᠢ ᠠᠮᠢᠳᠤᠷᠠᠯ ᠤᠨ | ᠨᠡᠮᠡᠭᠦᠷᠢ ᠶᠢ ᠳᠠᠬᠢᠵᠤ ᠣᠯᠭᠤᠨ᠎ᠠ᠂ ᠪᠣᠯᠪᠠᠰᠤᠷᠠᠭᠤᠯᠬᠤ ᠠᠮᠢᠳᠤᠷᠠᠯ ᠤᠨ ᠵᠠᠷᠤᠳᠠᠯ ᠤᠨ ᠨᠡᠮᠡᠭᠦᠷᠢ ᠶᠢᠨ ᠪᠠᠷᠢᠮᠵᠢᠶ᠎ᠠ ᠶᠢ ᠡᠯ᠎ᠡ ᠠᠶᠢᠮᠠᠭ ᠬᠤᠲᠠ ᠨᠢ ᠲᠤᠰ ᠭᠠᠵᠠᠷ | ᠣᠷᠣᠨ ᠤ ᠪᠣᠳᠠᠲᠤ ᠪᠠᠶᠢᠳᠠᠯ ᠢᠶᠠᠨ ᠦᠨᠳᠦᠰᠦᠯᠡᠨ ᠲᠣᠭᠲᠠᠭᠠᠨ᠎ᠠ᠃ ᠠᠮᠢᠳᠤᠷᠠᠯ ᠤᠨ ᠵᠠᠷᠤᠳᠠᠯ ᠤᠨ ᠨᠡᠮᠡᠭᠦᠷᠢ ᠶᠢᠨ ᠲᠥᠷᠥ ᠶᠢᠨ ᠪᠣᠳᠣᠯᠭ᠎ᠠ ᠶᠢ ᠬᠥᠮᠥᠨ ᠪᠦᠷᠢ ᠵᠢᠯ | ᠪᠦᠷᠢ ᠳᠤ ᠨᠢᠭᠡ ᠯᠡ ᠤᠳᠠᠭ᠎ᠠ ᠬᠦᠷᠲᠡᠬᠦ ᠮᠥᠷᠲᠡᠭᠡᠨ ᠡᠭᠦᠨ ᠤ ᠳᠠᠭᠠᠤ ᠳᠤ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠶᠢ ᠠᠪᠴᠤ ᠪᠣᠯᠬᠤ ᠦᠭᠡᠢ᠃ ᠠᠵᠢᠯ | ᠲᠥᠷᠥᠯ ᠤᠨ ᠨᠡᠶᠢᠭᠡᠮᠯᠢᠭ᠂ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠠᠵᠢᠯ ᠣᠯᠭᠤᠬᠤ ᠦᠢᠯᠡᠴᠢᠯᠡᠭᠡᠨ ᠤ ᠲᠠᠪᠴᠠᠩ᠂ ᠬᠥᠮᠥᠨ ᠤ ᠬᠦᠴᠦᠨ ᠤ ᠡᠬᠢ | ᠪᠠᠶᠠᠯᠢᠭ ᠤᠨ ᠵᠠᠭᠤᠴᠢ ᠪᠠᠶᠢᠭᠤᠯᠤᠮᠵᠢ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠢᠨ ᠤ ᠲᠠᠪᠴᠠᠩ ᠪᠠᠶᠢᠭᠤᠯᠬᠤ ᠶᠢ ᠵᠣᠷᠢᠬᠵᠢᠭᠤᠯᠤᠨ ᠳᠡᠮᠵᠢᠵᠦ᠂ ᠠᠵᠢᠯᠴᠢᠨ | ᠬᠡᠷᠡᠭᠯᠡᠬᠦ ᠪᠠᠷ ᠣᠯᠠᠨ ᠪᠣᠯᠣᠨ ᠴᠦᠬᠡᠨ ᠪᠠᠶᠢᠭ᠎ᠠ ᠵᠢᠴᠢ ᠢᠯᠡᠭᠦᠳᠡᠵᠦ ᠳᠤᠲᠠᠭᠳᠠᠵᠤ ᠪᠠᠶᠢᠭ᠎ᠠ ᠶᠢ ᠲᠣᠬᠢᠷᠠᠭᠤᠯᠤᠨ ᠨᠡᠶᠢᠴᠡᠭᠦᠯᠬᠦ ᠵᠡᠷᠭᠡ ᠦᠢᠯᠡᠴᠢᠯᠡᠭᠡ ᠥᠷᠨᠢᠭᠦᠯᠵᠦ | ᠪᠠᠶᠢᠪᠠᠯ᠂ ᠡᠯ᠎ᠡ ᠭᠠᠵᠠᠷ ᠣᠷᠣᠨ ᠤ ᠠᠵᠢᠯ ᠣᠯᠭᠤᠨ ᠦᠢᠯᠡᠰ ᠴᠣᠭᠴᠠᠯᠠᠬᠤ ᠦᠢᠯᠡᠴᠢᠯᠡᠭᠡᠨ ᠤ ᠬᠡᠪᠴᠢᠶᠡᠨ ᠳᠤ ᠣᠷᠣᠭᠤᠯᠵᠤ ᠪᠣᠯᠣᠨ᠎ᠠ᠃ ︵ᠥᠪᠡᠷᠲᠡᠭᠡᠨ ᠵᠠᠰᠠᠬᠤ | ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠰᠤᠷᠭᠠᠨ ᠬᠥᠮᠥᠵᠢᠯ ᠤᠨ ᠲᠢᠩᠬᠢᠮ | ᠵᠡᠷᠭᠡ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠢ ᠬᠠᠷᠢᠭᠤᠴᠠᠨ᠎ᠠ︶ | ᠨᠠᠢᠮᠠ᠂ ᠮᠡᠷᠭᠡᠵᠢᠯ ᠤᠷ᠎ᠠ ᠮᠡᠷᠭᠡᠰᠢᠯ ᠢᠶᠠᠨ ᠳᠡᠭᠡᠭᠰᠢᠯᠡᠭᠦᠯᠬᠦ ᠨᠡᠮᠡᠭᠦᠷᠢ ᠭᠤᠶᠤᠴᠢᠯᠠᠬᠤ ᠨᠥᠬᠦᠴᠡᠯ ᠢ ᠠᠭᠤᠵᠢᠭᠤ ᠪᠣᠯᠭᠠᠨ᠎ᠠ | 2019 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ 2020 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠮᠡᠷᠭᠡᠵᠢᠯ ᠤᠷ᠎ᠠ | ᠮᠡᠷᠭᠡᠰᠢᠯ ᠢᠶᠠᠨ ᠳᠡᠭᠡᠭᠰᠢᠯᠡᠭᠦᠯᠬᠦ ᠨᠡᠮᠡᠭᠦᠷᠢ ᠭᠤᠶᠤᠴᠢᠯᠠᠬᠤ ᠨᠥᠬᠦᠴᠡᠯ ᠢ ᠠᠵᠤ ᠠᠬᠤᠶᠢᠯᠠᠯ ᠳᠤ ᠠᠵᠢᠯᠯᠠᠵᠤ ᠪᠠᠶᠢᠭ᠎ᠠ ᠠᠵᠢᠯᠲᠠᠨ ᠠᠵᠢᠯᠴᠢᠨ ᠤ ᠠᠵᠢᠯ ᠠᠯᠳᠠᠭᠰᠠᠳ ᠤᠨ | ᠳᠠᠭᠠᠳᠬᠠᠯ ᠳᠤ ᠣᠷᠣᠯᠴᠠᠭᠠᠳ 3 ᠵᠢᠯ ︵3 ᠵᠢᠯ ᠪᠣᠯᠣᠭᠰᠠᠨ ᠢ ᠪᠠᠭᠲᠠᠭᠠᠨ᠎ᠠ︶ ᠠᠴᠠ ᠳᠡᠭᠡᠭᠰᠢᠬᠢ ᠪᠠᠶᠢᠭᠰᠠᠨ ᠢ ᠨᠢ ᠠᠵᠢᠯ ᠠᠯᠳᠠᠭᠰᠠᠳ ᠤᠨ ᠳᠠᠭᠠᠳᠬᠠᠯ ᠳᠤ | ᠣᠷᠣᠯᠴᠠᠭᠠᠳ 1 ᠵᠢᠯ ︵1 ᠵᠢᠯ ᠪᠣᠯᠣᠭᠰᠠᠨ ᠢ ᠪᠠᠭᠲᠠᠭᠠᠨ᠎ᠠ︶ ᠠᠴᠠ ᠳᠡᠭᠡᠭᠰᠢᠬᠢ ᠪᠣᠯᠲᠠᠯ᠎ᠠ ᠠᠭᠤᠵᠢᠭᠤ ᠲᠠᠯᠪᠢᠨ᠎ᠠ᠃ ᠳᠠᠭᠠᠳᠬᠠᠯ ᠳᠤ ᠣᠷᠣᠯᠴᠠᠭᠰᠠᠨ ᠠᠵᠢᠯᠲᠠᠨ | ᠠᠵᠢᠯᠴᠢᠨ ᠨᠢ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠪᠤᠶᠤ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠵᠡᠷᠭᠡ ᠳᠡᠰ ᠤᠨ ᠦᠨᠡᠮᠯᠡᠯ ᠣᠯᠣᠭᠰᠠᠨ ᠪᠠᠶᠢᠪᠠᠯ᠂ | ᠳᠠᠭᠠᠳᠬᠠᠯ ᠳᠤ ᠣᠷᠣᠯᠴᠠᠭᠰᠠᠨ ᠭᠠᠵᠠᠷ ᠲᠤ ᠪᠠᠨ ᠮᠡᠷᠭᠡᠵᠢᠯ ᠤᠷ᠎ᠠ ᠮᠡᠷᠭᠡᠰᠢᠯ ᠢᠶᠠᠨ ᠳᠡᠭᠡᠭᠰᠢᠯᠡᠭᠦᠯᠬᠦ ᠨᠡᠮᠡᠭᠦᠷᠢ ᠶᠢ ᠭᠤᠶᠤᠴᠢᠯᠠᠵᠤ ᠪᠣᠯᠣᠨ᠎ᠠ᠂ ᠬᠡᠷᠡᠭᠰᠡᠬᠦ ᠪᠡᠯᠡ | ᠮᠥᠩᠭᠦ ᠶᠢ ᠠᠵᠢᠯ ᠠᠯᠳᠠᠭᠰᠠᠳ ᠤᠨ ᠳᠠᠭᠠᠳᠬᠠᠯ ᠤᠨ ᠰᠠᠭᠤᠷᠢ ᠮᠥᠩᠭᠦᠨ ᠠᠴᠠ ᠵᠠᠷᠤᠴᠠᠭᠤᠯᠤᠨ᠎ᠠ᠂ ᠪᠣᠳᠠᠲᠠᠢ ᠨᠡᠮᠡᠭᠦᠷᠢ ᠶᠢᠨ ᠪᠠᠷᠢᠮᠵᠢᠶ᠎ᠠ ᠶᠢ ᠠᠩᠬ᠎ᠠ ᠵᠡᠷᠭᠡ ︵ | ᠲᠠᠪᠤᠳᠤᠭᠠᠷ ᠳᠡᠰ︶᠂ ᠳᠤᠮᠳᠠ ᠵᠡᠷᠭᠡ ︵ᠳᠥᠷᠪᠡᠳᠦᠭᠡᠷ ᠳᠡᠰ︶᠂ ᠳᠡᠭᠡᠳᠦ ᠵᠡᠷᠭᠡ ︵ᠭᠤᠷᠪᠠᠳᠤᠭᠠᠷ ᠳᠡᠰ︶ ᠤᠨ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ | ᠣᠯᠣᠭᠰᠠᠨ ᠪᠤᠶᠤ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠵᠡᠷᠭᠡ ᠳᠡᠰ ᠲᠠᠢ ᠪᠣᠯᠣᠭᠰᠠᠨ ᠢᠶᠠᠷ ᠨᠢ ᠲᠤᠰ ᠲᠤᠰ 1000 ᠲᠥᠭᠦᠷᠢᠭ᠂ 1500 ᠲᠥᠭᠦᠷᠢᠭ᠂ | 2000 ᠲᠥᠭᠦᠷᠢᠭ ᠠᠴᠠ ᠳᠠᠪᠠᠭᠤᠯᠬᠤ ᠦᠭᠡᠢ ᠬᠡᠮᠵᠢᠶᠡᠨ ᠤ ᠪᠣᠯᠪᠠᠰᠤᠷᠠᠭᠤᠯᠤᠯ ᠤᠨ ᠨᠡᠮᠡᠭᠦᠷᠢ ᠣᠯᠭᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠷᠢᠭᠤᠴᠠᠨ᠎ᠠ︶ | ᠶᠢᠰᠦ᠂ ᠠᠵᠢᠯ ᠠᠯᠳᠠᠭᠰᠠᠨ ᠢᠶᠠᠨ ᠲᠡᠮᠳᠡᠭᠯᠡᠭᠦᠯᠦᠭᠰᠡᠨ ᠪᠠᠶᠢᠩᠭᠤ ᠰᠠᠭᠤᠭ᠎ᠠ ᠭᠠᠵᠠᠷ ᠲᠤ ᠦᠢᠯᠡᠴᠢᠯᠡᠭᠡ ᠬᠠᠩᠭᠠᠵᠤ ᠥᠭᠭᠦᠨ᠎ᠡ | ᠬᠠᠤᠯᠢ ᠶᠣᠰᠣᠨ ᠤ ᠬᠦᠳᠡᠯᠮᠦᠷᠢᠯᠡᠬᠦ ᠨᠠᠰᠤᠨ ᠤ ᠳᠣᠲᠣᠷᠠᠬᠢ᠂ ᠬᠦᠳᠡᠯᠮᠦᠷᠢᠯᠡᠬᠦ ᠴᠢᠳᠠᠪᠤᠷᠢ ᠲᠠᠢ᠂ ᠠᠵᠢᠯ ᠣᠯᠬᠤ ᠱᠠᠭᠠᠷᠳᠠᠯᠭ᠎ᠠ ᠲᠠᠢ᠂ ᠠᠵᠢᠯ ᠦᠭᠡᠢ ᠪᠠᠶᠢᠭ᠎ᠠ | ᠪᠠᠶᠢᠳᠠᠯ ᠲᠠᠢ ᠠᠵᠢᠯ ᠠᠯᠳᠠᠭᠰᠠᠳ ᠪᠠᠶᠢᠩᠭᠤ ᠰᠠᠭᠤᠭ᠎ᠠ ᠭᠠᠵᠠᠷ ᠤᠨ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠳᠤ ᠠᠵᠢᠯ | ᠠᠯᠳᠠᠭᠰᠠᠨ ᠢᠶᠠᠨ ᠲᠡᠮᠳᠡᠭᠯᠡᠭᠦᠯᠵᠦ᠂ ᠪᠠᠶᠢᠩᠭᠤ ᠰᠠᠭᠤᠭ᠎ᠠ ᠭᠠᠵᠠᠷ ᠤᠨ ᠠᠵᠢᠯ ᠣᠯᠭᠤᠨ ᠦᠢᠯᠡᠰ ᠴᠣᠭᠴᠠᠯᠠᠬᠤ ᠦᠢᠯᠡᠴᠢᠯᠡᠭᠡ᠂ ᠠᠵᠢᠯ ᠣᠯᠭᠤᠬᠤ ᠶᠢ ᠲᠡᠳᠬᠦᠬᠦ | ᠲᠥᠷᠥ ᠶᠢᠨ ᠪᠣᠳᠣᠯᠭ᠎ᠠ᠂ ᠭᠤᠣᠯᠳᠠᠯᠭ᠎ᠠ ᠲᠠᠢ ᠬᠥᠮᠥᠰ ᠤᠨ ᠠᠵᠢᠯ ᠣᠯᠵᠤ ᠦᠢᠯᠡᠰ ᠴᠣᠭᠴᠠᠯᠠᠬᠤ ᠳᠤ ᠭᠠᠶᠢᠯᠢ ᠲᠠᠲᠠᠪᠤᠷᠢ ᠶᠢᠨ ᠬᠠᠷᠠᠭᠠᠯᠵᠠᠯ ᠦᠵᠡᠭᠦᠯᠬᠦ ᠲᠥᠷᠥ ᠶᠢᠨ | ᠪᠣᠳᠣᠯᠭ᠎ᠠ ᠶᠢ ᠬᠦᠷᠲᠡᠬᠦ ᠪᠠᠷ ᠭᠤᠶᠤᠴᠢᠯᠠᠬᠤ ᠶᠢ ᠨᠢ ᠵᠥᠪᠰᠢᠶᠡᠷᠡᠨ᠎ᠡ᠃ ᠠᠵᠢᠯ ᠠᠯᠳᠠᠭᠰᠠᠨ ᠢᠶᠠᠨ ᠲᠡᠮᠳᠡᠭᠯᠡᠭᠦᠯᠬᠦ ᠨᠥᠬᠦᠴᠡᠯ ᠳᠤ ᠨᠡᠶᠢᠴᠡᠬᠦ ᠬᠥᠮᠥᠰ ᠢ ᠥᠪᠡᠷ ᠤᠨ ᠪᠡᠶ᠎ᠡ | ᠪᠣᠯᠣᠨ ᠡᠷᠦᠬᠡ ᠠᠮᠠ ᠨᠢ ᠰᠠᠯᠤᠩᠭᠢᠳᠠ ᠪᠠᠶᠢᠬᠤ᠂ ᠡᠷᠦᠬᠡ ᠠᠮᠠ ᠨᠢ ᠲᠤᠰ ᠭᠠᠵᠠᠷ ᠲᠤ ᠪᠠᠶᠢᠬᠤ ᠦᠭᠡᠢ ᠪᠤᠶᠤ ᠳᠠᠩᠰᠠ ᠡᠪᠬᠡᠮᠡᠯ ᠪᠠᠶᠢᠬᠤ ᠦᠭᠡᠢ ᠵᠡᠷᠭᠡ | ᠰᠢᠯᠲᠠᠭᠠᠨ ᠢᠶᠠᠷ ᠬᠦᠯᠢᠶᠡᠨ ᠠᠪᠬᠤ ᠦᠭᠡᠢ ᠪᠠᠶᠢᠵᠤ ᠪᠣᠯᠬᠤ ᠦᠭᠡᠢ᠃ ᠠᠵᠢᠯ ᠣᠯᠬᠤ ᠳᠤ ᠬᠦᠴᠢᠷᠲᠡᠢ ᠪᠠᠶᠢᠬᠤ ᠨᠥᠬᠦᠴᠡᠯ ᠳᠤ ᠨᠡᠶᠢᠴᠡᠬᠦ ᠬᠥᠮᠥᠰ ᠨᠢ ᠪᠠᠶᠢᠩᠭᠤ | ᠰᠠᠭᠤᠭ᠎ᠠ ᠭᠠᠵᠠᠷ ᠲᠤ ᠪᠠᠨ ᠠᠵᠢᠯ ᠣᠯᠬᠤ ᠳᠤ ᠬᠦᠴᠢᠷᠲᠡᠢ ᠪᠠᠶᠢᠭ᠎ᠠ ᠬᠥᠮᠥᠰ ᠢᠶᠠᠷ ᠮᠠᠭᠠᠳᠯᠠᠨ ᠲᠣᠭᠲᠠᠭᠠᠯᠭᠠᠬᠤ ᠶᠢ ᠭᠤᠶᠤᠴᠢᠯᠠᠵᠤ᠂ ᠠᠵᠢᠯ ᠣᠯᠭᠤᠬᠤ ᠲᠤᠰᠠᠯᠠᠮᠵᠢ | ᠬᠦᠷᠲᠡᠵᠦ ᠪᠣᠯᠣᠨ᠎ᠠ᠃ ᠡᠯ᠎ᠡ ᠱᠠᠲᠤᠨ ᠤ ᠣᠯᠠᠨ ᠨᠡᠶᠢᠲᠡ ᠶᠢᠨ ᠠᠵᠢᠯ ᠣᠯᠭᠤᠵᠤ ᠦᠢᠯᠡᠴᠢᠯᠡᠬᠦ ᠪᠠᠶᠢᠭᠤᠯᠤᠮᠵᠢ ᠨᠢ ᠠᠵᠢᠯ ᠣᠯᠭᠤᠬᠤ ᠨᠠᠷᠢᠯᠢᠬᠵᠢᠭᠤᠯᠤᠭᠰᠠᠨ᠂ ᠤᠷᠲᠤ | ᠬᠤᠭᠤᠴᠠᠭᠠᠨ ᠤ ᠪᠦᠲᠦᠮᠵᠢᠲᠡᠢ ᠪᠠᠶᠢᠬᠤ ᠲᠤᠰᠠᠯᠠᠮᠵᠢ ᠶᠢ ᠴᠠᠭ ᠲᠤᠬᠠᠢ ᠳᠤ ᠨᠢ ᠬᠠᠩᠭᠠᠨ ᠥᠭᠴᠦ᠂ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠤᠨ ᠨᠡᠮᠡᠭᠦᠷᠢ᠂ | ᠠᠵᠢᠯ ᠤᠨ ᠪᠠᠶᠢᠷᠢ ᠶᠢᠨ ᠨᠡᠮᠡᠭᠦᠷᠢ ᠵᠡᠷᠭᠡ ᠶᠢᠨ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠨᠥᠬᠦᠴᠡᠯ ᠳᠤ ᠨᠡᠶᠢᠴᠡᠬᠦ ᠠᠵᠢᠯ | ᠠᠯᠳᠠᠭᠰᠠᠳ ᠲᠤ᠂ ᠠᠵᠢᠯ ᠠᠯᠳᠠᠭᠰᠠᠳ ᠤᠨ ᠳᠠᠭᠠᠳᠬᠠᠯ ᠤᠨ ᠰᠠᠭᠤᠷᠢ ᠮᠦᠩᠭᠦᠨ ᠠᠴᠠ ᠠᠵᠢᠯ ᠠᠯᠳᠠᠭᠰᠠᠨ ᠳᠠᠭᠠᠳᠬᠠᠯ ᠤᠨ ᠮᠥᠩᠭᠦ ᠣᠯᠭᠤᠵᠤ᠂ ᠬᠤᠪᠢ | ᠬᠥᠮᠥᠨ ᠤ ᠲᠤᠰᠢᠶᠠᠪᠠᠰᠤ ᠵᠣᠬᠢᠬᠤ ᠡᠮᠴᠢᠯᠡᠭᠡᠨ ᠤ ᠦᠨᠳᠦᠰᠦᠨ ᠳᠠᠭᠠᠳᠬᠠᠯ ᠤᠨ ᠰᠦᠢᠳᠬᠡᠯ ᠢ ᠨᠢ ᠠᠵᠢᠯ ᠠᠯᠳᠠᠭᠰᠠᠳ ᠤᠨ ᠳᠠᠭᠠᠳᠬᠠᠯ ᠤᠨ ᠰᠠᠭᠤᠷᠢ ᠮᠥᠩᠭᠦᠨ ᠠᠴᠠ | ᠵᠠᠷᠤᠴᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ | ᠲᠢᠩᠬᠢᠮ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ᠠᠷᠪᠠ᠂ ᠬᠦᠴᠢᠷᠳᠡᠯᠲᠡᠢ ᠬᠥᠮᠥᠰ ᠤᠨ ᠠᠮᠢᠳᠤᠷᠠᠯ ᠳᠤ ᠲᠤᠰᠠᠯᠠᠵᠤ ᠬᠠᠪᠰᠤᠷᠬᠤ ᠶᠢ ᠴᠢᠩᠭᠠᠳᠬᠠᠨ᠎ᠠ | ᠬᠤᠲᠠ ᠬᠦᠳᠡᠭᠡ ᠶᠢ ᠠᠭᠤᠰᠤᠯᠴᠠᠭᠤᠯᠤᠭᠰᠠᠨ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠰᠦᠪᠡᠭᠴᠢᠯᠡᠨ ᠲᠡᠭᠦᠯᠳᠡᠷᠵᠢᠭᠦᠯᠵᠦ᠂ ᠠᠵᠢᠯ ᠣᠯᠬᠤ ᠳᠤ | ᠬᠦᠴᠢᠷᠲᠡᠢ ᠬᠥᠮᠥᠰ ᠤᠨ ᠬᠡᠪᠴᠢᠶ᠎ᠡ ᠶᠢ ᠴᠠᠭ ᠲᠤ ᠨᠢ ᠵᠣᠬᠢᠴᠠᠭᠤᠯᠤᠨ ᠲᠣᠬᠢᠷᠠᠭᠤᠯᠤᠨ᠎ᠠ᠃ ᠡᠯ᠎ᠡ ᠭᠠᠵᠠᠷ ᠣᠷᠣᠨ ᠢ ᠵᠣᠷᠢᠬᠵᠢᠭᠤᠯᠵᠤ ᠪᠠᠶᠢᠭᠠᠳ ᠨᠡᠶᠢᠲᠡ ᠶᠢᠨ | ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠢᠳᠡᠪᠬᠢᠲᠡᠢ ᠪᠠᠷ ᠭᠠᠷᠭᠠᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠵᠠᠮ ᠢᠶᠠᠷ ᠳᠠᠮᠵᠢᠭᠤᠯᠤᠨ ᠠᠵᠢᠯ ᠣᠯᠬᠤ ᠳᠤ ᠪᠡᠷᠬᠡ | ᠪᠠᠶᠢᠭ᠎ᠠ ᠬᠦᠴᠢᠷᠳᠡᠯᠲᠡᠢ ᠬᠥᠮᠥᠰ ᠢ ᠪᠠᠲᠤᠯᠠᠨ ᠳᠠᠭᠠᠭᠠᠵᠤ ᠲᠥᠪᠬᠢᠨᠡᠭᠦᠯᠦᠨ᠂ ᠠᠵᠢᠯ ᠲᠠᠢ ᠬᠥᠮᠥᠨ ᠦᠭᠡᠢ ᠭᠡᠷ ᠪᠦᠯᠢ ᠶᠢᠨ ᠬᠦᠳᠡᠯᠥᠩᠭᠦᠢ ᠪᠠᠷ ᠬᠠᠰᠤᠭᠳᠠᠵᠤ | ᠴᠡᠪᠡᠷᠯᠡᠬᠦ ᠶᠢ ᠦᠨᠡᠨ ᠬᠦ ᠪᠠᠲᠤᠯᠠᠨ᠎ᠠ᠃ ᠠᠮᠢᠳᠤᠷᠠᠯ ᠨᠢ ᠬᠦᠴᠢᠷᠳᠡᠯᠲᠡᠢ ᠠᠵᠢᠯ ᠤᠨ ᠪᠠᠶᠢᠷᠢ ᠠᠴᠠ ᠪᠠᠭᠤᠭᠰᠠᠨ ᠨᠥᠬᠦᠴᠡᠯ ᠳᠤ ᠨᠡᠶᠢᠴᠡᠬᠦ ᠠᠵᠢᠯ ᠠᠯᠳᠠᠭᠰᠠᠳ ᠲᠤ | ᠠᠮᠢᠳᠤᠷᠠᠯ ᠤᠨ ᠲᠦᠷ ᠴᠠᠭ ᠤᠨ ᠨᠥᠬᠦᠪᠦᠷᠢ ᠣᠯᠭᠤᠨ᠎ᠠ᠂ ᠨᠥᠬᠦᠪᠦᠷᠢ ᠶᠢᠨ ᠪᠠᠷᠢᠮᠵᠢᠶ᠎ᠠ ᠶᠢ ᠭᠡᠷ ᠪᠦᠯᠢ ᠶᠢᠨ ᠬᠦᠴᠢᠷᠳᠡᠯᠲᠡᠢ ᠪᠠᠶᠢᠭ᠎ᠠ ᠬᠡᠮᠵᠢᠶ᠎ᠡ᠂ ᠭᠠᠵᠠᠷ ᠣᠷᠣᠨ ᠤ | ᠬᠡᠷᠡᠭᠯᠡᠭᠡ ᠶᠢᠨ ᠬᠢᠷᠢ ᠲᠦᠪᠰᠢᠨ ᠵᠡᠷᠭᠡ ᠶᠢ ᠦᠨᠳᠦᠰᠦᠯᠡᠨ ᠶᠡᠷᠦᠩᠬᠡᠢ ᠳᠤ ᠨᠢ ᠲᠣᠭᠲᠠᠭᠠᠨ᠎ᠠ᠃ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠨᠥᠬᠦᠴᠡᠯ ᠳᠤ | ᠨᠡᠶᠢᠴᠡᠬᠦ ᠭᠡᠷ ᠪᠦᠯᠢ ᠶᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ ᠳᠠᠷᠦ᠋ᠢᠬᠠᠨ ᠣᠷᠣᠭᠤᠯᠤᠨ᠎ᠠ᠃ ᠲᠦᠷ ᠴᠠᠭ ᠤᠨ ᠲᠤᠰᠠᠯᠠᠵᠤ | ᠬᠠᠪᠰᠤᠷᠬᠤ ᠨᠥᠬᠦᠴᠡᠯ ᠳᠤ ᠨᠡᠶᠢᠴᠡᠬᠦ ᠪᠣᠯ᠂ ᠲᠦᠷ ᠴᠠᠭ ᠢᠶᠠᠷ ᠲᠤᠰᠠᠯᠠᠨ ᠬᠠᠪᠰᠤᠷᠤᠨ᠎ᠠ᠂ ᠲᠤᠰᠠᠯᠠᠨ ᠬᠠᠪᠰᠤᠷᠬᠤ ᠪᠠᠷᠢᠮᠵᠢᠶ᠎ᠠ ᠶᠢ ᠡᠯ᠎ᠡ ᠭᠠᠵᠠᠷ ᠣᠷᠣᠨ ᠨᠢ | ᠪᠣᠳᠠᠲᠠᠢ ᠲᠠᠢ ᠪᠠᠨ ᠤᠶᠠᠯᠳᠤᠭᠤᠯᠵᠤ ᠥᠪᠡᠰᠦᠪᠡᠨ ᠲᠣᠭᠲᠠᠭᠠᠨ᠎ᠠ᠃ ᠠᠩᠭᠢᠯᠠᠵᠤ ᠬᠠᠪᠰᠤᠷᠤᠨ ᠲᠡᠳᠬᠦᠬᠦ᠂ ᠶᠡᠷᠦᠩᠬᠡᠶᠢᠯᠡᠨ ᠪᠣᠳᠣᠯᠭ᠎ᠠ ᠬᠡᠷᠡᠭᠵᠢᠭᠦᠯᠬᠦ ᠪᠠᠷ ᠳᠠᠮᠵᠢᠭᠤᠯᠵᠤ | ᠂ ᠬᠦᠴᠢᠷᠳᠡᠯᠲᠡᠢ ᠬᠥᠮᠥᠰ ᠤᠨ ᠠᠮᠢᠳᠤᠷᠠᠯ ᠤᠨ ᠬᠦᠴᠢᠷ ᠢ ᠨᠢ ᠦᠨᠡᠨ ᠬᠦ ᠰᠢᠢᠳᠪᠦᠷᠢᠯᠡᠵᠦ ᠥᠭᠭᠦᠨ᠎ᠡ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ ᠵᠡᠷᠭᠡ ᠬᠠᠮᠢᠶ᠎ᠠ ᠪᠦᠬᠦᠢ ᠰᠠᠯᠠᠭ᠎ᠠ | ᠮᠥᠴᠢᠷ ᠪᠣᠯᠣᠨ ᠨᠢᠭᠡᠴᠢ ᠬᠠᠷᠢᠭᠤᠴᠠᠨ᠎ᠠ︶ | ᠠᠷᠪᠠᠨ ᠨᠢᠭᠡ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠣᠯᠣᠨ ᠠᠵᠢᠯ ᠣᠯᠭᠤᠬᠤ ᠦᠢᠯᠡᠴᠢᠯᠡᠭᠡ ᠶᠢ ᠢᠳᠡᠪᠬᠢᠲᠡᠢ ᠥᠷᠨᠢᠭᠦᠯᠦᠨ᠎ᠡ | ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠵᠤ | ᠤᠬᠠᠭᠤᠯᠤᠨ᠂ ᠣᠳᠣ ᠦᠶ᠎ᠡ ᠶᠢᠨ ᠮᠡᠳᠡᠭᠡ ᠵᠠᠩᠭᠢ ᠶᠢᠨ ᠵᠠᠭᠤᠴᠢᠯᠠᠭᠤᠷ ᠢ ᠭᠦᠢᠴᠡᠳ ᠠᠰᠢᠭᠯᠠᠵᠤ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ᠂ ᠭᠤᠶᠤᠴᠢᠯᠠᠨ | ᠭᠦᠢᠴᠡᠳᠬᠡᠬᠦ ᠴᠤᠪᠤᠷᠠᠯ᠂ ᠨᠡᠮᠡᠭᠦᠷᠢ ᠶᠢᠨ ᠪᠠᠷᠢᠮᠵᠢᠶ᠎ᠠ᠂ ᠦᠢᠯᠡᠴᠢᠯᠡᠬᠦ ᠪᠠᠶᠢᠭᠤᠯᠤᠮᠵᠢ ᠵᠢᠴᠢ ᠬᠠᠷᠢᠯᠴᠠᠬᠤ ᠠᠷᠭ᠎ᠠ ᠬᠡᠯᠪᠡᠷᠢ᠂ ᠬᠢᠨᠠᠯᠲᠠ ᠲᠠᠯᠪᠢᠵᠤ ᠵᠠᠭᠠᠯᠳᠤᠬᠤ | ᠤᠲᠠᠰᠤ ᠶᠢ ᠨᠡᠶᠢᠭᠡᠮ ᠳᠤ ᠨᠡᠶᠢᠲᠡᠯᠡᠵᠦ᠂ ᠠᠵᠤ ᠠᠬᠤᠶᠢᠯᠠᠯ ᠳᠤ ᠭᠦᠨᠵᠡᠭᠡᠶᠢᠷᠡᠨ ᠲᠥᠷᠥ ᠶᠢᠨ ᠪᠣᠳᠣᠯᠭ᠎ᠠ ᠶᠢ ᠤᠬᠠᠭᠤᠯᠵᠤ ᠬᠦᠴᠢᠷᠳᠡᠯ ᠢ ᠨᠢ ᠣᠶᠢᠯᠠᠭᠠᠵᠤ ᠬᠠᠪᠰᠤᠷᠴᠤ | ᠲᠡᠳᠬᠦᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠠᠵᠢᠯ ᠣᠯᠭᠤᠨ ᠦᠢᠯᠡᠰ ᠴᠣᠭᠴᠠᠯᠠᠬᠤ ᠳᠤ ᠲᠡᠳᠬᠦᠬᠦ ᠲᠥᠷᠥ ᠶᠢᠨ ᠪᠣᠳᠣᠯᠭ᠎ᠠ ᠪᠣᠯᠣᠨ ᠠᠵᠢᠯ ᠣᠯᠭᠤᠨ ᠦᠢᠯᠡᠰ | ᠴᠣᠭᠴᠠᠯᠠᠬᠤ ᠳᠤ ᠦᠢᠯᠡᠴᠢᠯᠡᠬᠦ ᠶᠢ ᠬᠦᠷᠲᠡᠬᠦ ᠪᠠᠷ ᠭᠤᠶᠤᠴᠢᠯᠠᠬᠤ ᠬᠦᠴᠢᠷᠳᠡᠯ ᠳᠤ ᠲᠤᠯᠭᠠᠷᠠᠭᠰᠠᠨ ᠠᠵᠤ ᠠᠬᠤᠶᠢᠯᠠᠯ᠂ ᠠᠵᠢᠯ ᠤᠨ ᠪᠠᠶᠢᠷᠢ ᠠᠴᠠ ᠪᠠᠭᠤᠵᠤ ᠠᠵᠢᠯ | ᠠᠯᠳᠠᠭᠰᠠᠳ ᠲᠤ ᠦᠨᠡᠨ ᠨᠡᠷ᠎ᠡ ᠶᠢᠨ ᠳᠦᠷᠢᠮ ᠢ ᠬᠡᠷᠡᠭᠵᠢᠭᠦᠯᠦᠨ᠂ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤ ᠨᠢ ᠮᠡᠳᠡᠭᠡ ᠵᠠᠩᠭᠢ ᠶᠢᠨ ᠰᠢᠰᠲ᠋ᠧᠮ ᠳᠤ | ᠣᠷᠣᠭᠤᠯᠬᠤ ᠶᠢᠨ ᠬᠠᠮᠲᠤ ᠴᠠᠭ ᠲᠤ ᠨᠢ ᠲᠣᠬᠢᠷᠠᠭᠤᠯᠤᠨ ᠰᠢᠨᠡᠳᠬᠡᠬᠦ ᠬᠡᠷᠡᠭᠲᠡᠢ᠃ ᠦᠢᠯᠡᠴᠢᠯᠡᠬᠦ ᠴᠤᠪᠤᠷᠠᠯ ᠢ ᠰᠢᠯᠢᠳᠡᠭᠵᠢᠭᠦᠯᠦᠨ᠂ ᠭᠡᠷᠡᠴᠢᠯᠡᠬᠦ ᠮᠠᠲ᠋ᠧᠷᠢᠶᠠᠯ ᠢ | ᠴᠤᠮᠬᠠᠳᠬᠠᠵᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ᠂ ᠪᠡᠯᠡ | ᠮᠥᠩᠭᠦ ᠶᠢᠨ ᠳᠡᠮᠵᠢᠬᠦ ᠶᠢ ᠪᠣᠳᠠᠲᠠᠶᠢᠵᠢᠭᠤᠯᠬᠤ᠂ ᠦᠢᠯᠡᠴᠢᠯᠡᠭᠡ ᠶᠢᠨ ᠲᠥᠬᠦᠮ ᠠᠪᠰᠠᠷᠬᠠᠨ ᠪᠣᠯᠬᠤ ᠶᠢ ᠦᠨᠡᠨ ᠬᠦ ᠪᠠᠲᠤᠯᠠᠵᠤ᠂ ᠡᠳᠡᠭᠡᠷ ᠢ ᠬᠦᠷᠲᠡᠬᠦ ᠬᠥᠮᠥᠰ ᠲᠤ ᠪᠥᠬᠦ | ᠲᠠᠯ᠎ᠠ ᠪᠠᠷ ᠬᠦᠷᠲᠡᠭᠡᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠨᠢᠭᠡᠴᠢ᠂ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ᠠᠷᠪᠠᠨ ᠬᠤᠶᠠᠷ᠂ ᠠᠵᠢᠯ ᠣᠯᠭᠤᠬᠤ ᠶᠢ ᠠᠬᠢᠭᠤᠯᠬᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠬᠤ ᠶᠢ ᠨᠢ ᠴᠢᠩᠭᠠᠷᠠᠭᠤᠯᠤᠨ᠎ᠠ | ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠨᠢᠭᠡᠴᠢ ᠨᠢ ᠦᠵᠡᠯ ᠰᠠᠨᠠᠭᠠᠨ ᠤ ᠲᠠᠨᠢᠯᠲᠠ ᠪᠠᠨ ᠨᠢᠭᠡᠳᠬᠡᠨ᠂ ᠠᠵᠢᠯ ᠣᠯᠭᠤᠬᠤ ᠶᠢ | ᠲᠡᠷᠢᠭᠦᠨ ᠳᠤ ᠲᠠᠯᠪᠢᠬᠤ ᠪᠠᠶᠢᠯᠳᠤᠬᠤ ᠪᠣᠳᠤᠯᠭ᠎ᠠ ᠶᠢ ᠬᠡᠷᠡᠭᠵᠢᠭᠦᠯᠵᠦ᠂ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ | ᠃ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠤᠰ ᠭᠠᠵᠠᠷ ᠣᠷᠣᠨ ᠤ ᠠᠵᠢᠯ ᠣᠯᠭᠤᠬᠤ ᠶᠢ ᠠᠬᠢᠭᠤᠯᠬᠤ ᠠᠵᠢᠯ ᠳᠠᠬᠢ ᠭᠤᠣᠯ | ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠨ ᠳᠠᠭᠠᠭᠠᠵᠤ᠂ ᠠᠵᠢᠯ ᠣᠯᠭᠤᠬᠤ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠᠨ ᠤᠯᠠᠮ ᠨᠢᠭᠡ ᠠᠯᠬᠤᠮ | ᠴᠢᠩᠭᠠᠳᠬᠠᠨ᠂ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠨᠢᠭᠡᠳᠦᠯᠲᠡᠢ ᠲᠥᠯᠥᠪᠵᠢᠭᠦᠯᠵᠦ ᠲᠣᠬᠢᠷᠠᠭᠤᠯᠬᠤ ᠶᠢ ᠴᠢᠩᠭᠠᠷᠠᠭᠤᠯᠤᠨ᠂ ᠱᠠᠲᠤ ᠬᠤᠪᠢᠶᠠᠨ | ᠰᠡᠷᠡᠮᠵᠢᠯᠡᠭᠦᠯᠬᠦ ᠪᠠ ᠤᠷᠢᠶᠠᠯᠠᠨ ᠳᠠᠭᠠᠭᠤᠯᠵᠤ᠂ ᠲᠤᠬᠠᠢ ᠶᠢᠨ ᠭᠠᠵᠠᠷ ᠤᠨ ᠪᠠᠶᠢᠳᠠᠯ ᠳᠤ ᠪᠠᠨ ᠲᠣᠬᠢᠷᠠᠭᠤᠯᠤᠨ ᠲᠥᠷᠥᠯ ᠬᠤᠪᠢᠶᠠᠵᠤ ᠪᠣᠳᠣᠯᠭ᠎ᠠ ᠬᠡᠷᠡᠭᠵᠢᠭᠦᠯᠦᠨ᠂ ᠲᠤᠰ | ᠭᠠᠵᠠᠷ ᠣᠷᠣᠨ ᠤ ᠠᠵᠢᠯ ᠣᠯᠭᠤᠬᠤ ᠶᠢ ᠠᠬᠢᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠢᠯᠠᠩᠭᠤᠶ᠎ᠠ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ | ᠶᠠᠪᠤᠴᠠ ᠳᠤ ᠪᠡᠯᠡ ᠮᠥᠩᠭᠦ ᠬᠡᠷᠡᠭᠯᠡᠬᠦ ᠲᠣᠭᠲᠠᠭᠠᠯ ᠢ ᠴᠢᠩᠭ᠎ᠠ ᠵᠢᠷᠤᠮᠯᠠᠨ ᠰᠠᠬᠢᠵᠤ᠂ ᠪᠡᠯᠡ ᠮᠥᠩᠭᠦ ᠶᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠤᠨ᠂ ᠪᠡᠯᠡ | ᠮᠥᠩᠭᠦ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠵᠦ᠂ ᠪᠡᠯᠡ ᠮᠥᠩᠭᠦ ᠶᠢ ᠲᠣᠭᠲᠠᠭᠠᠯ ᠠᠴᠠ ᠵᠥᠷᠢᠴᠡᠨ ᠬᠠᠷᠢᠴᠠᠯ ᠪᠣᠯᠣᠨ ᠬᠡᠪᠴᠢᠶ᠎ᠡ ᠠᠴᠠ ᠬᠡᠲᠦᠷᠡᠭᠦᠯᠵᠦ ᠬᠡᠷᠡᠭᠯᠡᠭᠰᠡᠨ | ᠪᠠᠶᠢᠪᠠᠯ᠂ ᠴᠢᠩᠭ᠎ᠠ ᠪᠠᠶᠢᠴᠠᠭᠠᠨ ᠰᠢᠢᠳᠬᠡᠵᠦ᠂ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠬᠡᠯᠡᠯᠴᠡᠬᠦ ᠬᠡᠷᠡᠭᠲᠡᠢ᠃ ᠡᠯ᠎ᠡ ᠠᠶᠢᠮᠠᠭ ᠬᠤᠲᠠ ᠨᠢ ᠲᠤᠰ ᠮᠡᠳᠡᠭᠳᠡᠯ | ᠪᠠᠭᠤᠭᠰᠠᠨ ᠡᠳᠦᠷ ᠠᠴᠠ ᠡᠬᠢᠯᠡᠨ 30 ᠡᠳᠦᠷ ᠲᠤ ᠪᠣᠳᠠᠲᠠᠢ ᠬᠡᠷᠡᠭᠵᠢᠭᠦᠯᠬᠦ ᠨᠠᠷᠢᠨ ᠳᠦᠷᠢᠮ ᠪᠣᠯᠣᠨ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠢᠶᠠᠨ ᠲᠣᠭᠲᠠᠭᠠᠵᠤ | ᠲᠡᠭᠦᠯᠳᠡᠷᠵᠢᠭᠦᠯᠬᠦ ᠬᠡᠷᠡᠭᠲᠡᠢ᠃ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠨᠢ ᠠᠵᠢᠯ ᠣᠯᠭᠤᠬᠤ ᠶᠢ ᠠᠬᠢᠭᠤᠯᠬᠤ | ᠲᠥᠷᠥ ᠶᠢᠨ ᠪᠣᠳᠣᠯᠭ᠎ᠠ ᠲᠣᠭᠲᠠᠭᠠᠬᠤ᠂ ᠰᠢᠮᠳᠠᠭᠤᠯᠤᠨ ᠨᠠᠶᠢᠳᠠᠪᠤᠷᠢᠵᠢᠭᠤᠯᠬᠤ᠂ ᠪᠦᠷᠢᠳᠬᠡᠨ ᠬᠢᠨᠠᠵᠤ ᠰᠢᠨᠵᠢᠬᠦ ᠵᠡᠷᠭᠡ ᠠᠵᠢᠯ ᠢ ᠨᠢᠭᠡᠳᠦᠯᠲᠡᠢ ᠲᠥᠯᠥᠪᠯᠡᠨ | ᠵᠣᠬᠢᠴᠠᠭᠤᠯᠬᠤ ᠬᠡᠷᠡᠭᠲᠡᠢ᠃ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠪᠡᠯᠡ ᠮᠥᠩᠭᠦ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠤᠨ᠂ ᠠᠵᠢᠯ ᠤᠯᠭᠤᠬᠤ ᠶᠢ | ᠠᠬᠢᠭᠤᠯᠬᠤ ᠲᠦᠷᠥ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠵᠤᠬᠢᠶᠠᠨ ᠪᠠᠶᠢᠭᠤᠯᠵᠤ | ᠵᠤᠬᠢᠴᠠᠭᠤᠯᠬᠤ ᠬᠠᠷᠢᠭᠤᠴᠠᠯᠭ᠎ᠠ ᠪᠠᠨ ᠭᠦᠢᠴᠡᠳᠭᠡᠨ᠂ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠳᠤ ᠪᠠᠨ ᠰᠠᠭᠤᠷᠢᠯᠠᠵᠤ᠂ ᠣᠶᠢᠯᠠᠭᠠᠯᠴᠠᠨ ᠨᠡᠪᠲᠡᠷᠡᠯᠴᠡᠵᠦ | ᠬᠠᠮᠵᠢᠯᠴᠠᠬᠤ ᠪᠠᠨ ᠴᠢᠩᠭᠠᠳᠬᠠᠨ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠬᠤ ᠶᠢ ᠰᠠᠶᠢᠲᠤᠷ ᠬᠢᠬᠦ ᠬᠡᠷᠡᠭᠲᠡᠢ᠃ ᠬᠦᠴᠢᠷᠳᠡᠯ ᠳᠤ ᠲᠤᠯᠭᠠᠷᠠᠭᠰᠠᠨ ᠠᠵᠤ | ᠠᠬᠤᠶᠢᠯᠠᠯ ᠢ ᠵᠢᠯᠣᠭᠤᠳᠴᠤ ᠪᠠᠶᠢᠭᠠᠳ ᠨᠡᠶᠢᠭᠡᠮ ᠤᠨ ᠬᠠᠷᠢᠭᠤᠴᠠᠯᠭ᠎ᠠ ᠶᠢ ᠨᠢ ᠭᠦᠢᠴᠡᠳᠬᠡᠯᠭᠡᠵᠦ᠂ ᠣᠯᠠᠨ ᠠᠷᠭ᠎ᠠ ᠵᠠᠮ ᠢᠶᠠᠷ ᠠᠵᠢᠯᠲᠠᠨ ᠠᠵᠢᠯᠴᠢᠨ ᠢ ᠲᠤᠬᠢᠷᠠᠭᠤᠯᠵᠤ | ᠲᠥᠪᠬᠢᠨᠡᠭᠦᠯᠦᠨ᠂ ᠬᠦᠳᠡᠯᠮᠦᠷᠢ ᠶᠢᠨ ᠬᠠᠷᠢᠴᠠᠭ᠎ᠠ ᠶᠢ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ᠃ ᠠᠵᠤ ᠠᠬᠤᠶᠢᠯᠠᠯ ᠨᠢ ᠠᠵᠢᠯᠲᠠᠨ ᠠᠵᠢᠯᠴᠢᠨ ᠢᠶᠠᠨ ᠬᠥᠲᠥᠯᠥᠨ | ᠵᠢᠯᠣᠭᠤᠳᠴᠤ ᠪᠠᠶᠢᠭᠠᠳ ᠠᠵᠤ ᠠᠬᠤᠶᠢᠯᠠᠯ ᠤᠨ ᠣᠷᠣᠰᠢᠨ ᠲᠣᠭᠲᠠᠨᠢᠵᠤ ᠬᠥᠭᠵᠢᠬᠦ ᠶᠢ ᠬᠠᠯᠠᠮᠵᠢᠯᠠᠭᠤᠯᠵᠤ᠂ ᠴᠠᠯᠢᠩ ᠬᠥᠯᠥᠰᠦ ᠶᠢ ᠵᠥᠪᠳᠡᠯᠴᠡᠬᠦ᠂ ᠠᠵᠢᠯ ᠤᠨ | ᠪᠠᠶᠢᠷᠢ ᠪᠠᠨ ᠰᠣᠯᠢᠪᠴᠠᠭᠤᠯᠬᠤ ᠪᠠ ᠡᠭᠡᠯᠵᠢᠯᠡᠨ ᠠᠮᠠᠷᠠᠬᠤ᠂ ᠠᠵᠢᠯ ᠤᠨ ᠪᠠᠶᠢᠷᠢ ᠳᠤ ᠪᠣᠯᠪᠠᠰᠤᠷᠠᠭᠤᠯᠬᠤ ᠵᠡᠷᠭᠡ ᠠᠷᠭ᠎ᠠ ᠬᠡᠮᠵᠢᠶ᠎ᠡ ᠪᠠᠷ᠂ ᠠᠵᠢᠯ ᠣᠯᠭᠤᠬᠤ ᠠᠵᠢᠯ ᠤᠨ | ᠪᠠᠶᠢᠷᠢ ᠲᠠᠢ ᠪᠠᠶᠢᠯᠭᠠᠵᠤ᠂ ᠬᠦᠳᠡᠯᠮᠦᠷᠢ ᠶᠢᠨ ᠬᠠᠷᠢᠴᠠᠭ᠎ᠠ ᠶᠢ ᠲᠣᠭᠲᠠᠪᠤᠷᠢᠵᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ | ᠪᠣᠯᠣᠨ ᠨᠢᠭᠡᠴᠢ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠷᠢᠭᠤᠴᠠᠨ᠎ᠠ︶ | ᠤᠯᠤᠰ ᠤᠨ ᠠᠵᠤ ᠦᠢᠯᠡᠳᠪᠦᠷᠢ ᠠᠵᠤ ᠠᠬᠤᠶᠢᠯᠠᠯ ᠤᠨ ᠪᠦᠲᠦᠴᠡ ᠲᠣᠬᠢᠷᠠᠭᠤᠯᠬᠤ ᠲᠤᠰᠬᠠᠢ ᠱᠠᠩᠨᠠᠵᠤ ᠲᠤᠰᠠᠯᠠᠬᠤ ᠪᠡᠯᠡ ᠮᠥᠩᠭᠦᠨ ᠤ ᠳᠣᠲᠣᠷ᠎ᠠ ᠠᠴᠠ | ᠲᠣᠬᠢᠷᠠᠭᠤᠯᠤᠭᠰᠠᠨ ᠠᠵᠢᠯ ᠣᠯᠭᠤᠬᠤ ᠳᠤ ᠨᠥᠬᠦᠪᠦᠷᠢ ᠥᠭᠬᠦ ᠪᠡᠯᠡ ᠮᠥᠩᠭᠦ ᠶᠢ ᠪᠣᠯ᠂ ᠣᠳᠣᠬᠠᠨ ᠤ ᠠᠵᠢᠯ ᠣᠯᠭᠤᠬᠤ ᠶᠢ ᠲᠣᠭᠲᠠᠭᠤᠨ ᠪᠠᠶᠢᠯᠭᠠᠬᠤ ᠠᠵᠢᠯ ᠳᠤ | ᠲᠤᠰᠬᠠᠶᠢᠯᠠᠨ ᠬᠡᠷᠡᠭᠯᠡᠨ᠎ᠡ᠃ ᠡᠯ᠎ᠡ ᠭᠠᠵᠠᠷ ᠣᠷᠣᠨ ᠨᠢ ᠲᠤᠰ ᠬᠡᠷᠡᠭᠵᠢᠭᠦᠯᠬᠦ ᠰᠠᠨᠠᠯ ᠢ ᠲᠤᠭᠤᠰᠢᠯᠠᠭᠤᠯᠵᠤ ᠬᠡᠷᠡᠭᠵᠢᠭᠦᠯᠦᠭᠰᠡᠨ ᠬᠤᠯᠪᠣᠭᠳᠠᠯ ᠪᠦᠬᠦᠢ ᠪᠠᠶᠢᠳᠠᠯ ᠪᠣᠯᠣᠨ | ᠢᠯᠡᠷᠡᠭᠰᠡᠨ ᠴᠢᠬᠤᠯᠠ ᠠᠰᠠᠭᠤᠳᠠᠯ ᠢᠶᠠᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠳᠤ | ᠳᠠᠷᠦ᠋ᠢᠬᠠᠨ ᠮᠡᠳᠡᠭᠦᠯᠬᠦ ᠬᠡᠷᠡᠭᠲᠡᠢ᠃ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | |