内蒙古自治区人民政府 365赢多少钱会被限额_国内有真正的365平台吗_365bet博彩官网

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠡᠨᠡ ᠵᠢᠯ ᠤᠨ ᠲᠥᠷᠥᠬᠦᠦ 4 ᠰᠠᠷ᠎ᠠ ᠳᠤ ᠥᠪᠥᠷ ᠮᠣᠩᠭᠤᠯ ᠤᠨ ᠭᠠᠳᠠᠭᠠᠳᠤ ᠠᠷᠠᠯᠵᠢᠶᠠᠨ ᠤ ᠨᠡᠮᠡᠭᠳᠡᠯ ᠤᠨ ᠬᠤᠷᠳᠤᠴᠠ ᠪᠦᠬᠦ ᠤᠯᠤᠰ ᠲᠤ ᠣᠷᠣᠶᠢᠯᠠᠪᠠ
        ᠨᠡᠶᠢᠲᠡᠯᠡᠭᠰᠡᠨ ᠴᠠᠭ᠄
        2019/5/15
             5 ᠳ᠋ᠤᠭᠠᠷ ᠰᠠᠷ᠎ᠠ ᠶᠢᠨ 13 ᠤ ᠡᠳᠦᠷ᠂ ᠬᠥᠬᠡᠬᠤᠲᠠ ᠪᠣᠭᠤᠮᠲᠠ ᠶᠢᠨ ᠪᠦᠷᠢᠳᠬᠡᠯ ᠤᠨ ᠲᠤᠭ᠎ᠠ ᠪᠠᠷᠢᠮᠲᠠ ᠠᠴᠠ ᠦᠵᠡᠪᠡᠯ᠂ ᠡᠨᠡ ᠵᠢᠯ ᠤᠨ ᠲᠦᠷᠦᠭᠦᠦ 4 ᠰᠠᠷ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ 360.2 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 11.9 % ᠪᠠᠷ ᠨᠡᠮᠡᠭᠳᠡᠨ᠂ ᠠᠳᠠᠯᠢ ᠬᠤᠭᠤᠴᠠᠭᠠᠨ ᠤ ᠪᠥᠬᠦ ᠤᠯᠤᠰ ᠤᠨ ᠭᠠᠳᠠᠭᠠᠳᠤ ᠠᠷᠠᠯᠵᠢᠶᠠᠨ ᠤ ᠣᠷᠣᠭᠤᠯᠤᠯᠲᠠ ᠭᠠᠷᠭᠠᠯᠲᠠ ᠶᠢᠨ ᠨᠡᠮᠡᠭᠳᠡᠯ ᠤᠨ ᠬᠤᠷᠳᠤᠴᠠ ᠠᠴᠠ 7.6 ᠵᠠᠭᠤᠨ ᠤ ᠴᠡᠭ ᠥᠨᠳᠥᠷ ᠪᠣᠯᠵᠠᠶ᠃ ᠡᠭᠦᠨ ᠳᠤ ᠭᠠᠳᠠᠭᠠᠳᠤ ᠭᠠᠷᠭᠠᠯᠲᠠ 125 ᠳ᠋ᠦᠩᠰᠢᠭᠤᠷ ᠲᠥᠭᠦᠷᠢᠭ ᠲᠤ ᠬᠦᠷᠴᠦ᠂ 4.3 % ᠪᠠᠷ ᠨᠡᠮᠡᠭᠳᠡᠪᠡ︔  ᠭᠠᠳᠠᠭᠠᠳᠤ ᠣᠷᠣᠭᠤᠯᠤᠯᠲᠠ 235.2 ᠳ᠋ᠦᠩᠰᠢᠭᠤᠷ ᠲᠥᠭᠦᠷᠢᠭ ᠲᠤ ᠬᠦᠷᠴᠦ᠂ 16.4% ᠪᠠᠷ ᠨᠡᠮᠡᠭᠳᠡᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶ᠎ᠠ 2018 ᠣᠨ ᠤ 7 ᠳ᠋ᠤᠭᠠᠷ ᠰᠠᠷ᠎ᠠ ᠠᠴᠠ ᠨᠠᠭᠠᠰᠢ᠂ 10 ᠰᠠᠷ᠎ᠠ ᠳᠠᠷᠠᠭᠠᠯᠠᠨ ᠠᠳᠠᠯᠢ ᠬᠤᠭᠤᠴᠠᠭᠠᠨ ᠤ ᠬᠢ ᠠᠴᠠ ᠨᠡᠮᠡᠭᠳᠡᠪᠡ᠃      ᠲᠠᠨᠢᠯᠴᠠᠭᠤᠯᠤᠭᠰᠠᠨ ᠢᠶᠠᠷ᠂ ᠲᠦᠷᠦᠭᠦᠦ 4 ᠰᠠᠷ᠎ᠠ ᠳᠤ ᠮᠣᠩᠭᠤᠯ ᠤᠯᠤᠰ ᠪᠣᠯᠤᠨ ᠣᠷᠣᠰ ᠮᠥᠨ ᠬᠦ ᠥᠪᠡᠷᠲᠡᠭᠡᠨ ᠵᠠᠰᠠᠬᠤ ᠣᠷᠣᠨ ᠤ ᠭᠤᠤᠯ ᠪᠣᠯᠬᠤ ᠠᠷᠠᠯᠵᠢᠶᠠᠨ ᠤ ᠬᠠᠨᠢᠲᠠᠨ ᠤᠯᠤᠰ ᠪᠣᠯᠤᠭᠰᠠᠭᠠᠷ ᠢᠷᠡᠪᠡ᠃ ᠲᠦᠷᠦᠭᠦᠦ 4 ᠰᠠᠷ᠎ᠠ ᠳᠤ᠂  ᠮᠣᠩᠭᠤᠯ ᠤᠯᠤᠰ ᠲᠠᠬᠢ ᠥᠪᠥᠷ ᠮᠣᠩᠭᠤᠯ ᠤᠨ ᠭᠠᠳᠠᠭᠠᠳᠤ ᠣᠷᠣᠭᠤᠯᠤᠯᠲᠠ ᠭᠠᠷᠭᠠᠯᠲᠠ 113.1 ᠳ᠋ᠦᠩᠰᠢᠭᠤᠷ ᠲᠥᠭᠦᠷᠢᠭ ᠲᠤ ᠬᠦᠷᠴᠦ᠂ 32.4 % ᠪᠠᠷ ᠨᠡᠮᠡᠭᠳᠡᠨ᠂ 31.4 % ᠶᠢ ᠡᠵᠡᠯᠡᠪᠡ︔ ᠣᠷᠣᠰ ᠲᠠᠬᠢ ᠣᠷᠣᠭᠤᠯᠤᠯᠲᠠ ᠭᠠᠷᠭᠠᠯᠲᠠ 63.6 ᠳ᠋ᠦᠩᠰᠢᠭᠤᠷ ᠲᠥᠭᠦᠷᠢᠭ ᠲᠤ ᠬᠦᠷᠴᠦ᠂ 1.1% ᠪᠠᠷ ᠨᠡᠮᠡᠭᠳᠡᠨ᠂ 17.6% ᠶᠢ ᠡᠵᠡᠯᠡᠪᠡ︔ ᠡᠨᠡ ᠬᠤᠶᠠᠷ ᠨᠡᠶᠢᠯᠡᠭᠡᠳ 49 % ᠶᠢ ᠡᠵᠡᠯᠡᠵᠦ ᠪᠤᠢ᠃ ᠡᠭᠦᠨ ᠠᠴᠠ ᠭᠠᠳᠠᠨ᠎ᠠ᠂ ᠠᠦ᠋ᠰᠲᠷᠠᠯᠢᠶ᠎ᠠ ᠳᠠᠬᠢ ᠣᠷᠣᠭᠤᠯᠤᠯᠲᠠ ᠭᠠᠷᠭᠠᠯᠲᠠ 21.7 ᠳ᠋ᠦᠩᠰᠢᠭᠤᠷ ᠲᠥᠭᠦᠷᠢᠭ ᠲᠤ ᠬᠦᠷᠴᠦ᠂ 21.3%  ᠪᠠᠷ ᠨᠡᠮᠡᠭᠳᠡᠨ᠂ 6% ᠶᠢ ᠡᠵᠡᠯᠡᠪᠡ︔ ᠠᠮᠧᠷᠢᠺᠠ ᠳᠠᠬᠢ ᠣᠷᠣᠭᠤᠯᠤᠯᠲᠠ ᠭᠠᠷᠭᠠᠯᠲᠠ 13.1 ᠳ᠋ᠦᠩᠰᠢᠭᠤᠷ ᠲᠥᠭᠦᠷᠢᠭ ᠲᠤ ᠬᠦᠷᠴᠦ᠂ 36.5% ᠪᠠᠷ ᠨᠡᠮᠡᠭᠳᠡᠨ᠂ 3.6 % ᠶᠢ ᠡᠵᠡᠯᠡᠪᠡ᠃ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠯᠤᠭ᠎ᠠ ᠶᠢᠨ ᠭᠠᠳᠠᠭᠠᠳᠤ ᠠᠷᠠᠯᠵᠢᠶᠠᠨ ᠤ ᠣᠷᠣᠭᠤᠯᠤᠯᠲᠠ ᠭᠠᠷᠭᠠᠯᠲᠠ ᠶᠢᠨ ᠨᠡᠮᠡᠭᠳᠡᠯ ᠤᠨ ᠬᠠᠨᠳᠤᠰᠢ ᠰᠠᠶᠢᠨ ᠪᠠᠶᠢᠨ᠎ᠠ᠃ ᠲᠦᠷᠦᠭᠦᠦ 4 ᠰᠠᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠨᠢᠭᠡ ᠪᠦᠰᠡ ᠨᠢᠭᠡ ᠵᠠᠮ︾ ᠳᠠᠭᠠᠤ ᠤᠯᠤᠰ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ 238 ᠳ᠋ᠦᠩᠰᠢᠭᠤᠷ ᠲᠥᠭᠦᠷᠢᠭ ᠲᠤ ᠬᠦᠷᠴᠦ᠂ 13.6% ᠪᠠᠷ ᠨᠡᠮᠡᠭᠳᠡᠨ᠂ 66.1% ᠶᠢ ᠡᠵᠡᠯᠡᠪᠡ᠃ ᠡᠭᠦᠨ ᠳᠤ ᠭᠠᠳᠠᠭᠠᠳᠤ ᠭᠠᠷᠭᠠᠯᠲᠠ 72.9 ᠳ᠋ᠦᠩᠰᠢᠭᠤᠷ ᠲᠥᠭᠦᠷᠢᠭ ᠪᠠᠶᠢᠵᠤ᠂ 0.5 % ᠪᠠᠷ ᠪᠠᠭᠤᠷᠠᠪᠠ︔ ᠭᠠᠳᠠᠭᠠᠳᠤ ᠣᠷᠣᠭᠤᠯᠤᠯᠲᠠ 165.1 ᠳ᠋ᠦᠩᠰᠢᠭᠤᠷ ᠲᠥᠭᠦᠷᠢᠭ ᠲᠤ ᠬᠦᠷᠴᠦ᠂ 21.2 % ᠢᠶᠠᠷ ᠨᠡᠮᠡᠭᠳᠡᠪᠡ᠃ ᠡᠭᠦᠨ ᠠᠴᠠ ᠭᠠᠳᠠᠨ᠎ᠠ᠂ ᠥᠪᠥᠷ ᠮᠣᠩᠭᠤᠯ ᠤᠨ ᠭᠠᠳᠠᠭᠠᠳᠤ ᠠᠷᠠᠯᠵᠢᠶ᠎ᠠ ᠶᠢᠨ ᠠᠷᠠᠳ  ᠠᠴᠠ ᠡᠵᠡᠩᠨᠡᠭᠰᠡᠨ ᠠᠵᠤ ᠠᠬᠤᠶᠢᠯᠠᠯ ᠨᠢ ᠮᠥᠨ ᠬᠦ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠭᠤᠤᠯ ᠬᠦᠴᠦᠨ ᠪᠣᠯᠪᠠ᠃ ᠲᠦᠷᠦᠭᠦᠦ 4 ᠰᠠᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠭᠠᠳᠠᠭᠠᠳᠤ ᠣᠷᠣᠭᠤᠯᠤᠯᠲᠠ ᠭᠠᠷᠭᠠᠯᠲᠠ 253 . 8

        365赢多少钱会被限额_国内有真正的365平台吗_365bet博彩官网

        ᠳ᠋ᠦᠩᠰᠢᠭᠤᠷ ᠲᠥᠭᠦᠷᠢᠭ ᠲᠤ ᠬᠦᠷᠴᠦ᠂ 13 % ᠪᠠᠷ ᠨᠡᠮᠡᠭᠳᠡᠨ᠂ 70.5% ᠶᠢ ᠡᠵᠡᠯᠡᠪᠡ︔ ᠤᠯᠤᠰ  ᠤᠨ ᠦᠮᠴᠢᠯᠡᠯᠲᠦ ᠠᠵᠤ ᠠᠬᠤᠶᠢᠯᠠᠯ ᠤᠨ ᠭᠠᠳᠠᠭᠠᠳᠤ ᠣᠷᠣᠭᠤᠯᠤᠯᠲᠠ ᠭᠠᠷᠭᠠᠯᠲᠠ 82.7 ᠳ᠋ᠦᠩᠰᠢᠭᠤᠷ ᠲᠥᠭᠦᠷᠢᠭ ᠲᠤ ᠬᠦᠷᠴᠦ᠂ 15.1% ᠪᠠᠷ ᠨᠡᠮᠡᠭᠳᠡᠵᠦ᠂ 23% ᠶᠢ ᠡᠵᠡᠯᠡᠪᠡ᠃      ᠬᠥᠬᠡᠬᠤᠲᠠ ᠪᠣᠭᠤᠮᠲᠠ ᠶᠢᠨ ᠲᠤᠭ᠎ᠠ ᠪᠦᠷᠢᠳᠬᠡᠯ ᠤᠨ ᠵᠠᠳᠠᠯᠤᠯᠲᠠ ᠶᠢᠨ ᠭᠠᠵᠠᠷ ᠤᠨ ᠵᠠᠳᠠᠯᠤᠭᠰᠠᠨ ᠢᠶᠠᠷ᠂ ᠡᠨᠡ ᠵᠢᠯ ᠤᠨ ᠨᠢᠭᠡᠳᠦᠭᠡᠷ ᠤᠯᠠᠷᠢᠯ ᠳᠤ ᠥᠪᠥᠷ ᠮᠣᠩᠭᠤᠯ ᠤᠨ ᠲᠣᠨᠣᠭᠯᠠᠯ ᠦᠶᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 15.0% ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠬᠢ ᠠᠴᠠ 8.4 ᠵᠠᠭᠤᠨ ᠤ ᠴᠡᠭ ᠲᠦᠷᠭᠡᠨ ᠪᠣᠯᠪᠠ︔ 500 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠶᠯ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 4.9% ᠨᠡᠮᠡᠭᠳᠡᠪᠡ︔ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ

        365赢多少钱会被限额_国内有真正的365平台吗_365bet博彩官网

        ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6.6% ᠨᠡᠮᠡᠭᠳᠡᠪᠡ᠃ ᠡᠭᠦᠨ ᠠᠴᠠ ᠭᠠᠳᠠᠨ᠎ᠠ᠂ ᠬᠡᠰᠡᠭ ᠮᠡᠷᠭᠡᠵᠢᠯ ᠤᠨ ᠠᠭᠤᠯᠤᠭᠳᠠᠴᠠ ᠪᠠ ᠨᠡᠮᠡᠯᠲᠡ ᠥᠷᠲᠡᠭ ᠨᠡᠯᠢᠶᠡᠳ ᠥᠨᠳᠥᠷ ᠪᠦᠬᠦᠢ ᠠᠵᠤ ᠦᠶᠯᠡᠳᠪᠦᠷᠢ ᠶᠢᠨ ᠰᠢᠨ᠎ᠡ ᠦᠶᠯᠡᠳᠬᠦᠨ ᠤ ᠭᠠᠷᠤᠯᠲᠠ ᠨᠡᠯᠢᠶᠡᠳ ᠲᠦᠷᠭᠡᠨ ᠨᠡᠮᠡᠭᠳᠡᠵᠦ᠂ ᠣᠶᠤᠨᠴᠢ ᠲᠧᠯᠸᠢᠰ 27.7  ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.3 ᠳᠠᠬᠢᠨ ᠨᠡᠮᠡᠭᠳᠡᠵᠡᠶ︔ ᠳᠠᠩ ᠲᠠᠯᠠᠰᠲᠤ ᠴᠠᠬᠢᠭᠤᠷ 2.2 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 89.4% ᠨᠡᠮᠡᠭᠳᠡᠪᠡ︔ ᠭᠡᠷᠡᠯ ᠴᠠᠬᠢᠯᠭᠠᠨ ᠤ ᠡᠯᠧᠺᠲᠷᠣᠨ ᠲᠣᠨᠤᠭ 1.1 ᠳ᠋ᠦᠩᠰᠢᠭᠤᠷ ᠲᠤ ᠬᠦᠷᠴᠦ᠂ ᠠᠳᠠᠯᠢ ᠬᠤᠭᠤᠴᠠᠭᠠᠨ ᠤ ᠬᠢ  ᠠᠴᠠ 91.4% ᠨᠡᠮᠡᠭᠳᠡᠪᠡ᠃ ᠣᠶᠢᠷ᠎ᠠ ᠳᠤ᠂ ᠬᠤᠳᠠᠯᠳᠤᠭᠠᠨ ᠤ ᠶᠠᠪᠤᠳᠠᠯ ᠤᠨ ᠶᠠᠮᠤᠨ ᠤ ᠨᠡᠶᠢᠲᠡᠯᠡᠭᠰᠡᠨ ︽ᠤᠯᠤᠰ ᠤᠨ ᠭᠠᠳᠠᠭᠠᠳᠤ ᠠᠷᠠᠯᠵᠢᠶᠠᠨ ᠤ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠰᠠᠭᠤᠷᠢᠨ ᠭᠠᠵᠠᠷ ᠤᠨ ᠨᠡᠷᠡᠰ ᠢ ᠦᠨᠡᠮᠰᠢᠨ ᠲᠣᠭᠲᠠᠭᠠᠬᠤ ᠲᠤᠬᠠᠢ ᠮᠡᠳᠡᠭᠳᠡᠯ︾ ᠳᠠᠬᠢ ᠪᠦᠬᠦᠶᠢᠯᠡ 255 ᠤᠯᠤᠰ ᠤᠨ ᠳᠡᠰ ᠤᠨ ᠭᠠᠳᠠᠭᠠᠳᠤ ᠠᠷᠠᠯᠵᠢᠶ᠎ᠠ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠰᠠᠭᠤᠷᠢᠨ ᠭᠠᠵᠠᠷ ᠢ ᠦᠨᠡᠮᠰᠢᠨ ᠲᠣᠭᠲᠠᠭᠠᠬᠤ ᠲᠥᠷᠥᠯ ᠵᠦᠢᠯ ᠲᠤᠲᠤᠷ᠎ᠠ᠂ ᠥᠪᠥᠷ ᠮᠣᠩᠭᠤᠯ ᠤᠨ ᠨᠡᠶᠢᠲᠡ 10 ᠰᠠᠭᠤᠷᠢᠨ ᠭᠠᠵᠠᠷ ᠵᠥᠪᠰᠢᠶᠡᠷᠡᠭᠳᠡᠵᠦ᠂ ᠵᠥᠪᠰᠢᠶᠡᠷᠡᠭᠳᠡᠭᠰᠡᠨ ᠲᠤᠭ᠎ᠠ ᠨᠢ 19 ᠳᠤᠮᠳᠠ ᠪᠠᠷᠠᠭᠤᠨ ᠣᠷᠣᠨ ᠤ ᠳᠤᠮᠳᠠ ᠲᠦᠷᠦᠭᠦᠯᠡᠪᠡ᠃ ᠡᠳᠡᠭᠡᠷ ᠤᠯᠤᠰ ᠤᠨ ᠲᠡᠮᠳᠡᠭᠲᠦ ᠭᠠᠳᠠᠭᠠᠳᠤ ᠠᠷᠠᠯᠵᠢᠶᠠᠨ ᠤ ᠬᠡᠯᠪᠡᠷᠢ ᠶᠢ ᠬᠤᠪᠢᠷᠠᠭᠤᠯᠬᠤ ᠰᠠᠭᠤᠷᠢᠨ ᠭᠠᠵᠠᠷ ᠢᠶᠠᠷ ᠵᠥᠪᠰᠢᠶᠡᠷᠡᠭᠳᠡᠭᠰᠡᠨ ᠨᠢ ᠥᠪᠥᠷ ᠮᠣᠩᠭᠤᠯ ᠤᠨ ᠭᠠᠳᠠᠭᠠᠳᠤ ᠠᠷᠠᠯᠵᠢᠶᠠᠨ ᠤ ᠪᠦᠲᠦᠴᠡ ᠶᠢᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠣᠯᠤᠨ ᠤᠯᠠᠮᠵᠢᠯᠠᠯᠲᠤ ᠠᠵᠤ ᠦᠢᠯᠡᠰ ᠤᠨ ᠳᠡᠯᠡᠬᠡᠢ ᠳᠠᠬᠢ ᠥᠷᠢᠰᠦᠯᠳᠦᠬᠦ ᠬᠦᠴᠦᠨ ᠢ ᠪᠠᠬᠢᠵᠢᠭᠦᠯᠦᠨ ᠳᠡᠭᠡᠭᠰᠢᠯᠡᠭᠦᠯᠬᠦ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠬᠦ ᠪᠣᠯᠤᠨ᠎ᠠ᠃ ᠥᠪᠥᠷ ᠮᠣᠩᠭᠤᠯ ᠤᠨ ᠠᠵᠤ ᠦᠢᠯᠡᠳᠪᠦᠷᠢ ᠢᠯᠠᠩᠭᠤᠶ᠎ᠠ ᠲᠡᠷᠢᠭᠦᠨ ᠤ ᠦᠢᠯᠡᠳᠬᠦ ᠦᠢᠯᠡᠰ ᠲᠦᠷᠭᠡᠨ ᠬᠦᠭᠵᠢᠭᠰᠡᠨ ᠪᠠ ᠡᠭᠦᠨ ᠤ ᠳᠡᠭᠡᠷ᠎ᠡ᠂ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠰᠢᠷᠢᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠠᠯᠭᠠᠭ᠎ᠠ ᠪᠠᠷ  ᠨᠡᠶᠢᠲᠡᠯᠡᠭᠰᠡᠨ ᠶᠠᠪᠤᠳᠠᠯ ᠨᠢ ᠭᠠᠳᠠᠭᠠᠳᠤ ᠣᠷᠣᠭᠤᠯᠤᠯᠲᠠ ᠶᠢ ᠥᠷᠭᠡᠳᠬᠡᠬᠦ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠠᠯᠬᠤᠮ ᠠᠯᠬᠤᠮ ᠢᠶᠠᠷ ᠨᠡᠮᠡᠭᠳᠡᠵᠦ᠂ ᠥᠪᠥᠷ ᠮᠣᠩᠭᠤᠯ ᠤᠨ ᠭᠠᠳᠠᠭᠠᠳᠤ ᠠᠷᠠᠯᠵᠢᠶᠠᠨ ᠤ ᠨᠡᠮᠡᠭᠳᠡᠯ ᠳᠤ ᠰᠠᠭᠤᠷᠢ ᠲᠠᠯᠪᠢᠵᠤ ᠥᠭᠴᠡᠢ᠃
        ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ