ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠰᠤᠳᠤᠯᠬᠤ ᠪᠠᠷ ᠳᠠᠮᠵᠢᠨ᠂ ᠲᠠᠪᠰᠢᠬᠦᠯᠥᠨ ᠲᠤᠮᠢᠯᠠᠬᠤ ᠪᠠᠷ ᠪᠠᠶᠢᠭ᠎ᠠ 14 ᠺᠠᠳ᠋ᠷ ᠢ ᠢᠯᠡ ᠨᠡᠶᠢᠳᠡᠯᠡᠬᠦ ᠪᠠᠷ | ᠲᠤᠭᠳᠠᠪᠠ᠃ | ᠨᠢᠬᠡ᠂ ᠢᠯᠡ ᠨᠡᠶᠢᠳᠡᠯᠡᠬᠦ ᠨᠡᠷᠡᠰ | ᠯᠢᠨ ᠵᠢᠶᠠᠨ ᠵᠢᠶᠦ᠋ᠨ᠂ 1965 ᠣᠨ ᠤ 7 ᠳ᠋ᠤᠭᠠᠷ ᠰᠠᠷ᠎ᠠ ᠳᠤ ᠲᠦᠷᠦᠪᠡ᠂ ᠦᠪᠤᠷ ᠮᠤᠩᠭᠤᠯ ᠤᠨ ᠶᠡᠭᠡ ᠰᠤᠷᠭᠠᠭᠤᠯᠢ ᠶᠢᠨ ᠶᠡᠭᠡ ᠰᠤᠷᠭᠠᠭᠤᠯᠢ ᠶᠢᠨ | ᠰᠤᠷᠤᠯᠭ᠎ᠠ ᠶᠢᠨ ᠨᠠᠮᠳᠠᠷ ᠲᠠᠢ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠬᠡᠰᠢᠬᠦᠨ᠂ ᠤᠳᠤ ᠤᠯᠠᠭᠠᠨᠴᠠᠪ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ | ᠬᠡᠰᠢᠬᠦᠨ᠂ ᠵᠤᠬᠢᠶᠠᠨ ᠪᠠᠶᠢᠭᠤᠯᠬᠤ ᠬᠡᠯᠳᠡᠰ ᠤᠨ ᠲᠠᠷᠤᠭ᠎ᠠ ᠶᠢᠨ ᠲᠤᠰᠢᠶᠠᠯ ᠲᠠᠢ᠂ ᠦᠪᠡᠷᠳᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠲᠢᠩᠬᠢᠮ | ᠤᠨ ᠲᠡᠰ ᠤᠨ ᠤᠳᠤᠷᠢᠳᠬᠤ ᠲᠤᠰᠢᠶᠠᠯ ᠳᠤ ᠲᠡᠪᠰᠢᠬᠦᠯᠥᠨ ᠲᠤᠮᠢᠯᠠᠬᠤ ᠪᠠᠷ ᠪᠤᠢ᠃ | ᠹᠧᠩ ᠰᠢ ᠮᠢᠩ᠂ 1962 ᠣᠨ ᠤ 3 ᠳ᠋ᠤᠭᠠᠷ ᠰᠠᠷ᠎ᠠ ᠳᠤ ᠲᠦᠷᠦᠪᠡ᠂ ᠦᠪᠤᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠶᠡᠭᠡ ᠰᠤᠷᠭᠠᠭᠤᠯᠢ | ᠶᠢᠨ ᠰᠤᠷᠤᠯᠭ᠎ᠠ ᠶᠢᠨ ᠨᠠᠮᠳᠠᠷ ᠲᠠᠢ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠬᠡᠰᠢᠬᠦᠨ᠂ ᠤᠳᠤ ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ | ᠪᠠᠶᠢᠴᠠᠭᠠᠬᠤ ᠬᠤᠷᠢᠶ᠎ᠡ ᠬᠢᠨᠠᠨ ᠪᠠᠶᠢᠴᠠᠭᠠᠬᠤ ᠵᠦᠪᠯᠡᠯ ᠤᠨ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠭᠤᠷᠪᠠᠳᠤᠭᠠᠷ ᠲᠠᠰᠤᠭ ᠤᠨ ᠡᠷᠬᠢᠯᠡᠭᠴᠢ ᠶᠢᠨ | ᠲᠤᠰᠢᠶᠠᠯ ᠲᠠᠢ᠂ ᠦᠪᠡᠷᠳᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠲᠢᠩᠬᠢᠮ ᠤᠨ ᠲᠡᠰ ᠤᠨ ᠤᠳᠤᠷᠢᠳᠬᠤ ᠲᠤᠰᠢᠶᠠᠯ ᠳᠤ ᠲᠡᠪᠰᠢᠬᠦᠯᠥᠨ | ᠲᠤᠮᠢᠯᠠᠬᠤ ᠪᠠᠷ ᠪᠤᠢ᠃ | ᠬᠤᠤ ᠴᠤᠤ ᠲᠦᠨ᠂ 1962 ᠣᠨ ᠤ 11 ᠳ᠋ᠤᠭᠡᠷ ᠰᠠᠷ᠎ᠠ ᠳᠤ ᠲᠦᠷᠦᠪᠡ᠂ ᠲᠦᠪ ᠤᠨ ᠨᠠᠮ ᠤᠨ ᠰᠤᠷᠭᠠᠭᠤᠯᠢ ᠶᠢᠨ ᠶᠡᠭᠡ ᠰᠤᠷᠭᠠᠭᠤᠯᠢ ᠶᠢᠨ ᠰᠤᠷᠤᠯᠭ᠎ᠠ | ᠶᠢᠨ ᠨᠠᠮᠳᠠᠷ ᠲᠠᠢ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠬᠡᠰᠢᠬᠦᠨ᠂ ᠤᠳᠤ ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠡ | ᠬᠢᠨᠠᠨ ᠪᠠᠶᠢᠴᠠᠭᠠᠬᠤ ᠵᠦᠪᠯᠡᠯ ᠤᠨ ᠤᠠᠬᠭᠤᠯᠬᠤ ᠬᠡᠯᠳᠡᠰ ᠤᠨ ᠲᠠᠷᠤᠭ᠎ᠠ ᠶᠢᠨ ᠲᠤᠰᠢᠶᠠᠯ ᠲᠠᠢ᠂ ᠦᠪᠡᠷᠳᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ | ᠲᠢᠩᠬᠢᠮ ᠤᠨ ᠲᠡᠰ ᠤᠨ ᠤᠳᠤᠷᠢᠳᠬᠤ ᠲᠤᠰᠢᠶᠠᠯ ᠳᠤ ᠲᠡᠪᠰᠢᠬᠦᠯᠥᠨ ᠲᠤᠮᠢᠯᠠᠬᠤ ᠪᠠᠷ ᠪᠤᠢ᠃ | ᠵᠠᠩ ᠳ᠋ᠦᠩ ᠬᠤᠩ᠂ 1960 ᠣᠨ ᠤ 1 ᠳ᠋ᠤᠭᠡᠷ ᠰᠠᠷ᠎ᠠ ᠳᠤ ᠲᠦᠷᠦᠪᠡ᠂ ᠲᠦᠪ ᠤᠨ ᠨᠠᠮ ᠤᠨ ᠰᠤᠷᠭᠠᠭᠤᠯᠢ ᠶᠢᠨ ᠶᠡᠭᠡ ᠰᠤᠷᠭᠠᠭᠤᠯᠢ ᠶᠢᠨ ᠰᠤᠷᠤᠯᠭ᠎ᠠ ᠶᠢᠨ | ᠨᠠᠮᠳᠠᠷ ᠲᠠᠢ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠬᠡᠰᠢᠬᠦᠨ᠂ ᠤᠳᠤ ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠡ ᠬᠢᠨᠠᠨ | ᠪᠠᠶᠢᠴᠠᠭᠠᠬᠤ ᠵᠦᠪᠯᠡᠯ ᠤᠨ ᠦᠪᠡᠷᠳᠡᠭᠡᠨ ᠵᠠᠰᠠᠬᠤ ᠤᠷᠤᠨ ᠤ ᠬᠠᠤᠯᠢ ᠴᠠᠭᠠᠵᠠ ᠶᠢᠨ ᠲᠢᠩᠬᠢᠮ ᠳᠤ ᠰᠠᠭᠤᠭ᠎ᠠ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ | ᠲᠤᠭᠤᠶᠢᠯᠠᠩ ᠤᠨ ᠲᠠᠷᠤᠭ᠎ᠠ᠂ ᠲᠢᠩᠬᠢᠮ ᠤᠨ ᠨᠠᠮ ᠤᠨ ᠬᠤᠷᠢᠶᠡᠨ ᠤ ᠬᠡᠰᠢᠬᠦᠨ ᠤ ᠲᠤᠰᠢᠶᠠᠯ ᠲᠠᠢ᠂ ᠦᠪᠡᠷᠳᠡᠭᠡᠨ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ | ᠶᠢᠨ ᠲᠢᠩᠬᠢᠮ ᠤᠨ ᠲᠡᠰ ᠤᠨ ᠤᠳᠤᠷᠢᠳᠬᠤ ᠲᠤᠰᠢᠶᠠᠯ ᠳᠤ ᠲᠡᠪᠰᠢᠬᠦᠯᠥᠨ ᠲᠤᠮᠢᠯᠠᠬᠤ ᠪᠠᠷ ᠪᠤᠢ᠃ | ᠵᠠᠩ ᠸᠧᠨ ᠵᠢᠶᠦ᠋ᠨ᠂ 1965 ᠣᠨ ᠤ 7 ᠳ᠋ᠤᠭᠠᠷ ᠰᠠᠷ᠎ᠠ ᠳᠤ ᠳᠦᠷᠦᠵᠡᠢ᠂ ᠦᠪᠦᠷ ᠮᠤᠩᠭᠤᠯ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠤᠨ | ᠰᠤᠷᠤᠯᠭ᠎ᠠ ᠶᠢᠨ ᠨᠠᠮᠳᠠᠷ ᠲᠠᠢ᠂ ᠦᠢᠯᠡᠳᠪᠤᠷᠢ ᠬᠤᠳᠠᠯᠳᠤᠭᠠᠨ ᠤ ᠬᠠᠮᠢᠶᠠᠷᠤᠯᠳᠠ ᠶᠢᠨ ᠮᠠᠰᠲ᠋ᠧᠷ᠂ ᠨᠠᠶᠢᠷᠠᠭᠤᠯᠤᠬᠴᠢ ᠰᠤᠷᠪᠤᠯᠵᠢᠯᠠᠬᠴᠢ᠂ ᠳᠤᠮᠳᠠᠳᠤ ᠤᠯᠤᠰ ᠤᠨ ᠡᠪ | ᠬᠠᠮᠳᠤ ᠨᠠᠮ ᠤᠨ ᠬᠡᠰᠢᠬᠦᠨ᠂ ᠤᠳᠤ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ ᠤᠨ ᠪᠠᠶᠢᠭᠤᠯᠭ᠎ᠠ ᠶᠢᠨ ᠨᠠᠮ ᠤᠨ | ᠬᠤᠷᠢᠶᠠᠨ ᠤ ᠳᠤᠰᠬᠠᠢ ᠳᠤᠰᠢᠶᠠᠯᠳᠤ ᠳᠡᠳ᠋ ᠱᠦᠵᠢ ᠶᠢᠨ ᠳᠤᠰᠢᠶᠠᠯ ᠲᠠᠢ᠂ ᠦᠪᠡᠷᠳᠡᠬᠡᠨ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠳᠡᠳ᠋ ᠳᠢᠩᠬᠢᠮ ᠤᠨ | ᠳᠡᠰ ᠤᠨ ᠤᠳᠤᠷᠢᠳᠬᠤ ᠳᠤᠰᠢᠶᠠᠯ ᠳᠤ ᠳᠡᠪᠰᠢᠬᠦᠯᠦᠨ ᠳᠤᠮᠢᠯᠠᠬᠤ ᠪᠠᠷ ᠪᠤᠢ︔ | ᠯᠢ ᠴᠢ ᠰᠢᠶᠠᠨ᠂ 1960 ᠣᠨ ᠤ 8 ᠳ᠋ᠤᠭᠠᠷ ᠰᠠᠷ᠎ᠠ ᠳᠤ ᠳᠦᠷᠦᠵᠠᠢ᠂ ᠳᠦᠪ ᠤᠨ ᠨᠠᠮ ᠤᠨ ᠰᠤᠷᠭᠠᠭᠤᠯᠢ ᠶᠢᠨ ᠶᠡᠭᠡ ᠰᠤᠷᠭᠠᠭᠤᠯᠢ ᠶᠢᠨ ᠰᠤᠷᠤᠯᠭ᠎ᠠ ᠶᠢᠨ | ᠨᠠᠮᠳᠠᠷ ᠲᠠᠢ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠬᠡᠰᠢᠬᠦᠨ᠂ ᠤᠳᠤ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠤᠭᠤᠷᠢᠨ ᠪᠠᠶᠢᠴᠠᠭᠠᠬᠤ | ᠵᠢᠷᠭᠤᠳᠤᠭᠠᠷ ᠳᠤᠭᠤᠶᠢᠯᠠᠩ ᠤᠨ ᠵᠢᠩᠬᠢᠨᠢ ᠭᠠᠵᠠᠷ ᠤᠨ ᠳᠡᠰ ᠤᠨ ᠳᠤᠭᠤᠷᠢᠨ ᠪᠠᠶᠢᠴᠠᠭᠠᠬᠤ ᠳᠤᠰᠬᠠᠢ ᠳᠤᠰᠢᠶᠠᠯᠳᠠᠨ ᠤ ᠳᠤᠰᠢᠶᠠᠯ ᠲᠠᠢ᠂ ᠦᠪᠡᠷᠳᠡᠬᠡᠨ ᠵᠠᠰᠠᠬᠤ | ᠤᠷᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠳᠡᠳ᠋ ᠳᠢᠩᠬᠢᠮ ᠤᠨ ᠳᠡᠰ ᠤᠨ ᠤᠳᠤᠷᠢᠳᠬᠤ ᠳᠤᠰᠢᠶᠠᠯ ᠳᠤ ᠳᠡᠪᠰᠢᠬᠦᠯᠦᠨ ᠳᠤᠮᠢᠯᠠᠬᠤ ᠪᠠᠷ ᠪᠤᠢ︔ | ᠯᠢᠦ ᠬᠠᠢ ᠳᠤᠤ᠂ 1971 ᠣᠨ ᠤ 10 ᠳ᠋ᠤᠭᠠᠷ ᠰᠠᠷ᠎ᠠ ᠳᠤ ᠳᠦᠷᠦᠵᠡᠢ᠂ ᠮᠤᠩᠭᠤᠯ ᠦᠨᠳᠦᠰᠦᠲᠡᠨ᠂ ᠦᠪᠦᠷ ᠮᠤᠩᠭᠤᠯ ᠤᠨ ᠤᠢ ᠰᠢᠭᠤᠢ ᠶᠢᠨ ᠳᠡᠬᠡᠳᠦ | ᠰᠤᠷᠭᠠᠭᠤᠯᠢ ᠶᠢᠨ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠳᠠᠷ ᠲᠠᠢ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠬᠡᠰᠢᠬᠦᠨ᠂ ᠤᠳᠤ ᠦᠪᠡᠷᠳᠡᠬᠡᠨ ᠵᠠᠰᠠᠬᠤ | ᠤᠷᠤᠨ ᠤ ᠨᠠᠮ ᠤᠨ ᠬᠤᠷᠢᠶᠠᠨ ᠤ ᠳᠤᠭᠤᠷᠢᠨ ᠪᠠᠶᠢᠴᠠᠭᠠᠬᠤ ᠵᠢᠷᠭᠤᠳᠤᠭᠠᠷ ᠳᠤᠭᠤᠶᠢᠯᠠᠩ ᠤᠨ ᠵᠢᠩᠬᠢᠨᠢ ᠭᠠᠵᠠᠷ ᠤᠨ ᠳᠡᠰ ᠤᠨ ᠳᠤᠭᠤᠷᠢᠨ ᠪᠠᠶᠢᠴᠠᠭᠠᠬᠤ ᠳᠤᠰᠬᠠᠢ | ᠳᠤᠰᠢᠶᠠᠯᠳᠠᠨ ᠤ ᠳᠤᠰᠢᠶᠠᠯ ᠲᠠᠢ᠂ ᠦᠪᠡᠷᠳᠡᠬᠡᠨ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠳᠡᠳ᠋ ᠳᠢᠩᠬᠢᠮ ᠤᠨ ᠳᠡᠰ ᠤᠨ ᠤᠳᠤᠷᠢᠳᠬᠤ | ᠳᠤᠰᠢᠶᠠᠯ ᠳᠤ ᠳᠡᠪᠰᠢᠬᠦᠯᠦᠨ ᠳᠤᠮᠢᠯᠠᠬᠤ ᠪᠠᠷ ᠪᠤᠢ︔ | ᠼᠤᠤ ᠬᠤᠩ ᠯᠢᠶᠠᠩ᠂ 1961 ᠣᠨ ᠤ 12 ᠳ᠋ᠤᠭᠠᠷ ᠰᠠᠷ᠎ᠠ ᠳᠤ ᠳᠦᠷᠦᠵᠡᠢ᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠳᠡᠬᠡᠳᠦ | ᠵᠡᠷᠬᠡ ᠶᠢᠨ ᠳᠤᠰᠬᠠᠢ ᠮᠡᠷᠬᠡᠵᠢᠯ ᠤᠨ ᠰᠤᠷᠤᠯᠭ᠎ᠠ ᠶᠢᠨ ᠨᠠᠮᠳᠠᠷ ᠲᠠᠢ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠬᠡᠰᠢᠬᠦᠨ᠂ ᠤᠳᠤ ᠦᠪᠡᠷᠳᠡᠬᠡᠨ ᠵᠠᠰᠠᠬᠤ ᠤᠷᠤᠨ | ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ ᠤᠨ ᠠᠯᠪᠠᠳᠠᠨ ᠤ ᠬᠤᠶᠠᠳᠤᠭᠠᠷ ᠭᠠᠵᠠᠷ ᠤᠨ ᠳᠠᠷᠤᠭ᠎ᠠ ᠶᠢᠨ ᠳᠤᠰᠢᠶᠠᠯ ᠲᠠᠢ᠂ ᠦᠪᠡᠷᠳᠡᠬᠡᠨ ᠵᠠᠰᠠᠬᠤ ᠤᠷᠤᠨ | ᠤ ᠰᠢᠭᠤᠳ ᠬᠠᠷᠢᠶ᠎ᠠ ᠪᠠᠶᠢᠭᠤᠯᠭ᠎ᠠ ᠶᠢᠨ ᠳᠡᠳ᠋ ᠳᠢᠩᠬᠢᠮ ᠤᠨ ᠳᠡᠰ ᠤᠨ ᠤᠳᠤᠷᠢᠳᠬᠤ ᠳᠤᠰᠢᠶᠠᠯ ᠳᠤ ᠳᠠᠪᠰᠢᠬᠦᠯᠦᠨ ᠳᠤᠮᠢᠯᠠᠬᠤ ᠪᠠᠷ ᠪᠤᠢ︔ | ᠨᠢᠦ ᠵᠢᠢ ᠷᠦᠩ᠂ 1964 ᠣᠨ ᠤ 10 ᠳ᠋ᠤᠭᠠᠷ ᠰᠠᠷ᠎ᠠ ᠳᠤ ᠳᠦᠷᠦᠵᠡᠢ᠂ ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠶᠡᠭᠡ | ᠰᠤᠷᠭᠠᠭᠤᠯᠢ ᠶᠢᠨ ᠰᠤᠷᠤᠯᠭ᠎ᠠ ᠶᠢᠨ ᠨᠠᠮᠳᠠᠷ ᠲᠠᠢ᠂ ᠢᠨᠵᠧᠨᠧᠷ ᠤᠨ ᠮᠠᠰᠲᠧᠷ᠂ ᠵᠢᠩᠬᠢᠨᠢ ᠳᠡᠬᠡᠳᠦ ᠳᠡᠰ ᠤᠨ ᠢᠨᠵᠧᠨᠧᠷ᠂ ᠳᠤᠮᠳᠠᠳᠤ ᠤᠯᠤᠰ ᠤᠨ ᠡᠪ ᠬᠠᠮᠳᠤ ᠨᠠᠮ ᠤᠨ | ᠬᠡᠰᠢᠬᠦᠨ᠂ ᠤᠳᠤ ᠦᠪᠦᠷ ᠮᠤᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠳᠤ ᠺᠤᠮᠫᠠᠨᠢ ᠶᠢᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠶᠠᠷᠦᠩᠬᠡᠢ | ᠳᠠᠭᠠᠭᠠᠮᠠᠯ ᠤᠨ ᠳᠤᠰᠢᠶᠠᠯ ᠲᠠᠢ᠂ ᠦᠪᠦᠷ ᠮᠤᠩᠭᠤᠯ ᠤᠨ ᠡᠨᠧᠷᠬᠢ ᠶᠢᠨ ᠪᠦᠳᠦᠬᠡᠨ ᠪᠠᠶᠢᠭᠤᠯᠤᠯᠳᠠ ᠶᠢᠨ ᠪᠡᠯᠡ ᠤᠷᠤᠭᠤᠯᠬᠤ ︵ᠪᠦᠯᠦᠭᠯᠡᠯ︶ ᠬᠢᠵᠠᠭᠠᠷᠳᠦ ᠺᠤᠮᠫᠠᠨᠢ ᠶᠢᠨ | ᠨᠠᠮ ᠤᠨ ᠬᠤᠷᠢᠶ᠎ᠠ ᠶᠢᠨ ᠱᠦᠵᠢ ᠶᠢᠨ ᠳᠤᠰᠢᠶᠠᠯ ᠳᠤ ᠲᠤᠮᠢᠯᠠᠬᠤ ᠪᠠᠷ ᠪᠤᠢ᠂ ᠦᠪᠦᠷ ᠮᠤᠩᠭᠤᠯ ᠤᠨ ᠡᠨᠧᠷᠬᠢ ᠶᠢᠨ ᠪᠦᠳᠦᠬᠡᠨ ᠪᠠᠶᠢᠭᠤᠯᠤᠯᠳᠠ ᠶᠢᠨ ᠪᠡᠯᠡ ᠤᠷᠤᠭᠤᠯᠬᠤ | ︵ᠪᠦᠯᠦᠭᠯᠡᠯ︶ ᠬᠢᠵᠠᠭᠠᠷᠳᠦ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠶᠢᠨ ᠲᠤᠰᠢᠶᠠᠯ ᠳᠤ ᠲᠤᠮᠢᠯᠠᠬᠤ ᠪᠠᠷ ᠨᠡᠷ᠎ᠠ ᠳᠤᠷᠠᠳᠤᠭᠠᠳ ᠪᠤᠢ︔ | ᠵᠧᠩ ᠵᠢᠶᠦ᠋ᠨ᠂ 1964 ᠣᠨ ᠤ 8 ᠳ᠋ᠤᠭᠠᠷ ᠰᠠᠷ᠎ᠠ ᠳᠤ ᠲᠦᠷᠦᠵᠡᠢ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠶᠡᠭᠡ ᠰᠤᠷᠭᠠᠭᠤᠯᠢ ᠶᠢᠨ ᠰᠤᠷᠤᠯᠭ᠎ᠠ | ᠶᠢᠨ ᠨᠠᠮᠳᠠᠷ ᠲᠠᠢ᠂ ᠢᠨᠵᠧᠨᠧᠷᠢᠩ ᠤᠨ ᠮᠠᠰᠲᠧᠷ᠂ ᠳᠡᠭᠡᠳᠦ ᠵᠠᠷᠭᠡ ᠶᠢᠨ ᠪᠦᠷᠢᠳᠭᠡᠭᠴᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ | ᠦᠪᠡᠷᠲᠡᠭᠡᠨ ᠵᠠᠰᠠᠬᠤ ᠤᠷᠤᠨ ᠤ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ | ᠡᠷᠬᠢᠯᠡᠭᠴᠢ ᠶᠢᠨ ᠲᠤᠰᠢᠶᠠᠯ ᠲᠠᠢ᠂ ᠦᠪᠦᠷ ᠮᠤᠩᠭᠤᠯ ᠤᠨ ᠵᠠᠮ ᠬᠠᠷᠢᠯᠴᠠᠭᠠᠨ ᠤ ᠪᠡᠯᠡ ᠤᠷᠤᠭᠤᠯᠤᠯᠲᠠ ᠶᠢᠨ ᠬᠢᠵᠠᠭᠠᠷᠲᠤ ᠺᠤᠮᠫᠠᠨᠢ ᠶᠢᠨ ᠨᠠᠮ ᠤᠨ ᠬᠤᠷᠢᠶ᠎ᠠ ᠶᠢᠨ | ᠱᠦᠵᠢ ᠶᠢᠨ ᠲᠤᠰᠢᠶᠠᠯ ᠳᠤ ᠲᠤᠮᠢᠯᠠᠬᠤ ᠪᠠᠷ ᠪᠤᠢ᠂ ᠦᠪᠦᠷ ᠮᠤᠩᠭᠤᠯ ᠤᠨ ᠵᠠᠮ ᠬᠠᠷᠢᠯᠴᠠᠭᠠᠨ ᠤ ᠪᠡᠯᠡ ᠤᠷᠤᠭᠤᠯᠤᠯᠲᠠ ᠶᠢᠨ ᠬᠢᠵᠠᠭᠠᠷᠲᠤ ᠺᠤᠮᠫᠠᠨᠢ ᠶᠢᠨ ᠬᠡᠷᠡᠭ | ᠮᠡᠳᠡᠭᠴᠢᠳ ᠤᠨ ᠳᠠᠷᠤᠭ᠎ᠠ ᠶᠢᠨ ᠲᠤᠰᠢᠶᠠᠯ ᠳᠤ ᠲᠤᠮᠢᠯᠠᠬᠤ ᠪᠠᠷ ᠨᠡᠷ᠎ᠠ ᠳᠤᠷᠠᠳᠤᠭᠠᠳ ᠪᠤᠢ᠃ | ᠴᠢᠨ ᠵᠢᠶᠠᠨ ᠫᠢᠩ᠂ 1966 ᠣᠨ ᠤ 7 ᠳ᠋ᠤᠭᠠᠷ ᠰᠠᠷ᠎ᠠ ᠳᠤ ᠲᠦᠷᠦᠵᠡᠢ᠂ ᠮᠤᠩᠭᠤᠯ ᠦᠨᠳᠦᠰᠦᠲᠡᠨ᠂ ᠵᠦᠩ ᠨᠠᠨ ᠠᠵᠤ ᠦᠢᠯᠡᠳᠪᠦᠷᠢ ᠶᠢᠨ ᠶᠡᠭᠡ | ᠰᠤᠷᠭᠠᠭᠤᠯᠢ ᠶᠢᠨ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠳᠠᠷ ᠲᠠᠢ᠂ ᠳᠡᠭᠡᠳᠦ ᠵᠡᠷᠭᠡ ᠶᠢᠨ ᠠᠵᠤ ᠠᠬᠤᠶᠢᠴᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠭᠡᠰᠢᠭᠦᠨ᠂ ᠤᠳᠤ ᠦᠪᠦᠷ ᠮᠤᠩᠭᠤᠯ ᠤᠨ ᠰᠢᠨᠬᠤᠸᠠ ᠲᠠᠷᠬᠠᠭᠠᠯᠲᠠ ᠶᠢᠨ ᠪᠦᠯᠦᠭᠯᠡᠯ ᠤᠨ ᠬᠤᠪᠢᠴᠠᠭᠠᠲᠦ ᠬᠢᠵᠠᠭᠠᠷᠲᠦ ᠺᠤᠮᠫᠠᠨᠢ ᠶᠢᠨ ᠨᠠᠮ ᠤᠨ ᠬᠤᠷᠢᠶ᠎ᠠ ᠶᠢᠨ ᠳᠡᠳ᠋ | ᠱᠦᠵᠢ᠂ ᠶᠡᠷᠦᠩᠬᠡᠢ ᠳᠠᠭᠠᠭᠠᠮᠠᠯ ᠤᠨ ᠲᠤᠰᠢᠶᠠᠯ ᠲᠠᠢ᠂ ᠦᠪᠦᠷ ᠮᠤᠩᠭᠤᠯ ᠤᠨ ᠰᠢᠨᠬᠤᠸᠠ ᠲᠠᠷᠬᠠᠭᠠᠯᠲᠠ ᠶᠢᠨ ᠪᠦᠯᠦᠭᠯᠡᠯ ᠤᠨ ᠬᠤᠪᠢᠴᠠᠭᠠᠲᠦ ᠬᠢᠵᠠᠭᠠᠷᠲᠦ ᠺᠤᠮᠫᠠᠨᠢ | ᠶᠢᠨ ᠨᠠᠮ ᠤᠨ ᠬᠤᠷᠢᠶ᠎ᠠ ᠶᠢᠨ ᠱᠦᠵᠢ ᠶᠢᠨ ᠲᠤᠰᠢᠶᠠᠯ ᠳᠤ ᠲᠤᠮᠢᠯᠠᠬᠤ ᠪᠠᠷ ᠪᠤᠢ᠂ ᠦᠪᠦᠷ ᠮᠤᠩᠭᠤᠯ ᠤᠨ ᠰᠢᠨᠬᠤᠸᠠ ᠲᠠᠷᠬᠠᠭᠠᠯᠲᠠ ᠶᠢᠨ ᠪᠦᠯᠦᠭᠯᠡᠯ ᠤᠨ | ᠬᠤᠪᠢᠴᠠᠭᠠᠲᠦ ᠬᠢᠵᠠᠭᠠᠷᠲᠦ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠶᠢᠨ ᠲᠤᠰᠢᠶᠠᠯ ᠳᠤ ᠲᠤᠮᠢᠯᠠᠬᠤ ᠪᠠᠷ ᠨᠡᠷ᠎ᠠ ᠳᠤᠷᠠᠳᠤᠭᠠᠳ ᠪᠤᠢ᠃ | ᠸᠠᠩ ᠶᠠ ᠳ᠋ᠦᠩ᠂ 1973 ᠣᠨ ᠤ 3 ᠳ᠋ᠤᠭᠠᠷ ᠰᠠᠷ᠎ᠠ ᠳᠤ ᠲᠦᠷᠦᠵᠡᠢ᠂ ᠦᠪᠦᠷ ᠮᠤᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠳᠡᠭᠡᠳᠦ ᠰᠤᠷᠭᠠᠭᠤᠯᠢ | ᠶᠢᠨ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠳᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠦᠪᠡᠷᠲᠡᠭᠡᠨ ᠵᠠᠰᠠᠬᠤ ᠤᠷᠤᠨ ᠤ | ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠰᠤᠶᠤᠯ ᠤᠨ ᠠᠵᠤ ᠦᠢᠯᠡᠰ ᠪᠤᠯᠤᠨ ᠰᠤᠶᠤᠯ ᠤᠨ ᠡᠳ᠋ ᠬᠦᠷᠦᠩᠬᠡ ᠶᠢᠨ ᠬᠠᠮᠢᠶᠠᠷᠤᠯᠲᠠ ᠶᠢᠨ ᠭᠠᠵᠠᠷ ᠤᠨ | ᠳᠠᠷᠤᠭ᠎ᠠ ᠶᠢᠨ ᠲᠤᠰᠢᠶᠠᠯ ᠲᠠᠢ᠂ ᠦᠪᠦᠷ ᠮᠤᠩᠭᠤᠯ ᠤᠨ ᠰᠢᠨᠬᠤᠸᠠ ᠲᠠᠷᠬᠠᠭᠠᠯᠲᠠ ᠶᠢᠨ ᠪᠦᠯᠦᠭᠯᠡᠯ ᠤᠨ ᠬᠤᠪᠢᠴᠠᠭᠠᠲᠦ ᠬᠢᠵᠠᠭᠠᠷᠲᠦ ᠺᠤᠮᠫᠠᠨᠢ ᠶᠢᠨ ᠨᠠᠮ ᠤᠨ ᠬᠤᠷᠢᠶ᠎ᠠ | ᠶᠢᠨ ᠳᠡᠳ᠋ ᠱᠦᠵᠢ ᠶᠢᠨ ᠲᠤᠰᠢᠶᠠᠯ ᠳᠤ ᠲᠤᠮᠢᠯᠠᠬᠤ ᠪᠠᠷ ᠪᠤᠢ᠂ ᠦᠪᠦᠷ ᠮᠤᠩᠭᠤᠯ ᠤᠨ ᠰᠢᠨᠬᠤᠸᠠ ᠲᠠᠷᠬᠠᠭᠠᠯᠲᠠ ᠶᠢᠨ ᠪᠦᠯᠦᠭᠯᠡᠯ ᠤᠨ ᠬᠤᠪᠢᠴᠠᠭᠠᠲᠦ ᠬᠢᠵᠠᠭᠠᠷᠲᠦ | ᠺᠤᠮᠫᠠᠨᠢ ᠶᠢᠨ ᠶᠡᠷᠦᠩᠬᠡᠢ ᠳᠠᠭᠠᠭᠠᠮᠠᠯ ᠤᠨ ᠲᠤᠰᠢᠶᠠᠯ ᠳᠤ ᠲᠤᠮᠢᠯᠠᠬᠤ ᠪᠠᠷ ᠨᠡᠷ᠎ᠠ ᠳᠤᠷᠠᠳᠤᠭᠠᠳ ᠪᠤᠢ᠃ | ᠰᠢᠯᠢᠨ᠂ 1964 ᠣᠨ ᠤ 12 ᠳ᠋ᠤᠭᠠᠷ ᠰᠠᠷ᠎ᠠ ᠳᠤ ᠲᠦᠷᠦᠪᠡ᠂ ᠮᠤᠩᠭᠤᠯ ᠦᠨᠳᠦᠰᠦᠳᠡᠨ᠂ ᠦᠪᠦᠷ ᠮᠤᠩᠭᠤᠯ ᠤᠨ ᠡᠳ᠋ ᠤᠨ ᠵᠠᠰᠠᠭ ᠠᠵᠤ ᠠᠬᠤᠢ ᠶᠢᠨ | ᠳᠡᠭᠡᠳᠦ ᠰᠤᠷᠭᠠᠭᠤᠯᠢ ᠶᠢᠨ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠳᠠᠷ ᠲᠠᠢ᠂ ᠨᠢᠭᠳᠠᠯᠠᠨ ᠪᠤᠳᠤᠭᠴᠢ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠭᠡᠰᠢᠭᠦᠨ | ᠂ ᠤᠳᠤ ᠦᠪᠦᠷ ᠮᠤᠩᠭᠤᠯ ᠤᠨ ᠤᠰᠤᠨ ᠠᠰᠢᠭᠯᠠᠯᠳᠠ ᠶᠢᠨ ᠲᠢᠩᠭᠢᠮ ᠤᠨ ᠶᠡᠷᠦᠩᠬᠡᠢ ᠠᠵᠤ ᠠᠬᠤᠶᠢᠴᠢ ᠶᠢᠨ ᠲᠤᠰᠢᠶᠠᠯ ᠲᠠᠢ᠂ ᠦᠪᠦᠷ ᠮᠤᠩᠭᠤᠯ ᠤᠨ ᠤᠰᠤᠨ ᠤ | ᠶᠠᠪᠤᠳᠠᠯ ᠤᠨ ᠪᠡᠯᠡ ᠤᠷᠤᠭᠤᠯᠤᠯᠳᠠ ᠶᠢᠨ ︵ᠪᠦᠯᠦᠭᠯᠡᠯ︶ ᠬᠢᠵᠠᠭᠠᠷᠳᠤ ᠺᠤᠮᠫᠠᠨᠢ ᠶᠢᠨ ᠶᠡᠷᠦᠩᠬᠡᠢ ᠳᠠᠭᠠᠭᠠᠮᠠᠯ ᠤᠨ ᠲᠤᠰᠢᠶᠠᠯ ᠳᠤ ᠲᠤᠮᠢᠯᠠᠬᠤ ᠪᠠᠷ ᠨᠡᠷ᠎ᠠ ᠳᠤᠷᠠᠳᠤᠭᠠᠳ | ᠪᠤᠢ᠃ | ᠯᠢ ᠵᠢᠶᠠᠨ ᠫᠢᠩ᠂ 1964 ᠣᠨ ᠤ 10 ᠳ᠋ᠤᠭᠠᠷ ᠰᠠᠷ᠎ᠠ ᠳᠤ ᠲᠦᠷᠦᠪᠡ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠶᠡᠭᠡ ᠰᠤᠷᠭᠠᠭᠤᠯᠢ ᠶᠢᠨ | ᠰᠤᠷᠤᠯᠭ᠎ᠠ ᠶᠢᠨ ᠨᠠᠮᠳᠠᠷ ᠲᠠᠢ᠂ ᠦᠢᠯᠡᠳᠪᠦᠷᠢ ᠬᠤᠳᠠᠯᠳᠤᠭᠠᠨ ᠤ ᠬᠠᠮᠢᠶᠠᠷᠤᠯᠳᠠ ᠶᠢᠨ ᠮᠠᠰᠲ᠋ᠧᠷ᠂ ᠠᠵᠤ ᠠᠬᠤᠶᠢᠯᠠᠯ ᠤᠨ ᠫᠷᠤᠹᠧᠰᠰᠤᠷ ᠤᠨ ᠳᠡᠰ ᠤᠨ ᠳᠡᠭᠡᠳᠦ | ᠵᠡᠷᠭᠡ ᠶᠢᠨ ᠤᠯᠤᠰ ᠲᠦᠷᠦ ᠶᠢᠨ ᠠᠵᠢᠯᠯᠠᠭᠴᠢ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠭᠡᠰᠢᠭᠦᠨ᠂ ᠤᠳᠤ ᠦᠪᠦᠷ ᠮᠤᠩᠭᠤᠯ ᠤᠨ ᠡᠨᠧᠷᠭᠢ ᠶᠢᠨ ᠴᠠᠬᠢᠯᠭᠠᠨ | ᠭᠠᠷᠭᠠᠯᠳᠠ ᠶᠢᠨ ᠪᠡᠯᠡ ᠤᠷᠤᠭᠤᠯᠤᠯᠳᠠ ᠶᠢᠨ ᠪᠦᠯᠦᠭᠯᠡᠯ ᠤᠨ ᠰᠢᠨ᠎ᠠ ᠡᠨᠧᠷᠭᠢ ᠶᠢᠨ ᠬᠢᠵᠠᠭᠠᠷᠳᠤ ᠺᠤᠮᠫᠠᠨᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠳᠠᠭᠠᠭᠠᠮᠠᠯ᠂ | ᠭᠦᠢᠴᠡᠳᠭᠡᠭᠴᠢ ᠬᠡᠷᠡᠭ ᠮᠡᠳᠡᠭᠴᠢ ᠶᠢᠨ ᠲᠤᠰᠢᠶᠠᠯ ᠲᠠᠢ᠂ ᠬᠠᠳᠤᠨ ᠭᠤᠤᠯ ᠤᠨ ᠸᠠᠨ ᠵᠢᠶᠠ ᠵᠠᠢ ᠶᠢᠨ ᠤᠰᠤᠨ ᠠᠰᠢᠭᠯᠠᠯᠳᠠ ᠶᠢᠨ ᠭᠦᠢᠰᠦ ᠪᠠᠷᠢᠯᠭ᠎ᠠ ᠶᠢᠨ ᠬᠢᠵᠠᠭᠠᠷᠳᠤ 365赢多少钱会被限额_国内有真正的365平台吗_365bet博彩官网 | ᠺᠤᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠤᠨ ᠲᠤᠰᠢᠶᠠᠯ ᠳᠤ ᠲᠤᠮᠢᠯᠠᠬᠤ ᠪᠠᠷ ᠨᠡᠷ᠎ᠠ ᠳᠤᠷᠠᠳᠤᠭᠠᠳ ᠪᠤᠢ᠃ | ᠬᠤᠶᠠᠷ᠂ ᠢᠯᠡ ᠨᠡᠶᠢᠳᠡᠯᠡᠬᠦ ᠴᠠᠭ | ᠢᠯᠡ ᠨᠡᠶᠢᠳᠡᠯᠡᠬᠦ ᠴᠠᠭ ᠨᠢ 2019 ᠣᠨ ᠤ 5 ᠳ᠋ᠤᠭᠠᠷ ᠰᠠᠷ᠎ᠠ ᠶᠢᠨ 13 ᠤ ᠡᠳᠦᠷ ᠠᠴᠠ 2019 ᠣᠨ ᠤ 5 ᠳ᠋ᠤᠭᠠᠷ ᠰᠠᠷ᠎ᠠ ᠶᠢᠨ 17 ᠤ ᠡᠳᠦᠷ ᠪᠤᠯᠳᠠᠯ᠎ᠠ | ᠃ | ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠬᠡᠯᠪᠡᠷᠢ | ᠪᠠᠶᠢᠭᠤᠯᠭ᠎ᠠ ᠨᠢᠭᠡᠴᠢ ᠪᠤᠯᠤᠨ ᠬᠤᠪᠢ ᠬᠦᠮᠦᠨ ᠰᠤᠷᠪᠤᠯᠵᠢᠯᠠᠬᠤ᠂ ᠵᠠᠬᠢᠳᠠᠯ ᠢᠷᠡᠭᠦᠯᠬᠦ᠂ ᠤᠳᠠᠰᠤ ᠢᠷᠡᠭᠦᠯᠬᠦ ᠵᠡᠷᠭᠡ ᠬᠡᠯᠪᠡᠷᠢ ᠪᠠᠷ ᠳᠠᠮᠵᠢᠨ ᠳᠡᠭᠡᠷᠡᠬᠢ ᠢᠯᠡ | ᠨᠡᠶᠢᠳᠡᠯᠡᠭᠰᠡᠨ ᠡᠳᠡᠭᠡᠳ ᠤᠨ ᠬᠤᠯᠪᠤᠭᠳᠠᠯ ᠪᠦᠬᠦᠢ ᠪᠠᠶᠢᠳᠠᠯ ᠪᠤᠯᠤᠨ ᠠᠰᠠᠭᠤᠳᠠᠯ ᠢ ᠳᠤᠰᠬᠠᠵᠤ ᠪᠤᠯᠤᠨ᠎ᠠ᠃ ᠳᠤᠰᠬᠠᠭᠰᠠᠨ ᠠᠰᠠᠭᠤᠳᠠᠯ ᠢ ᠪᠠᠶᠢᠴᠠᠭᠠᠨ | ᠬᠠᠷᠭᠤᠭᠤᠯᠬᠤ ᠳᠤ ᠳᠦᠭᠦᠮ ᠤᠨ ᠲᠤᠰᠠᠳᠠ᠂ ᠠᠰᠠᠭᠤᠳᠠᠯ ᠢ ᠳᠤᠰᠬᠠᠬᠤ ᠳᠤ ᠪᠠᠨ ᠬᠤᠯᠪᠤᠭᠳᠠᠯ ᠪᠦᠬᠦᠢ ᠰᠦᠪᠡᠭᠴᠢ ᠵᠢᠴᠢ ᠦᠪᠡᠷ ᠤᠨ ᠵᠢᠩᠭᠢᠨᠢ ᠤᠪᠤᠭ ᠨᠡᠷ᠎ᠠ᠂ | ᠬᠠᠷᠢᠯᠴᠠᠬᠤ ᠠᠷᠭ᠎ᠠ ᠪᠤᠶᠤ ᠠᠵᠢᠯᠯᠠᠵᠤ ᠪᠠᠶᠢᠭ᠎ᠠ ᠪᠠᠶᠢᠭᠤᠯᠭ᠎ᠠ ᠨᠢᠭᠡᠴᠢ ᠵᠡᠷᠭᠡ ᠮᠡᠳᠡᠭᠡ ᠵᠠᠩᠭᠢ ᠪᠠᠨ ᠬᠠᠩᠭᠠᠭᠠᠷᠠᠢ᠂ ᠪᠢᠳᠡ ᠠᠵᠢᠯ ᠤᠨ ᠰᠠᠬᠢᠯᠭ᠎ᠠ ᠪᠠᠳᠤ ᠶᠢ ᠴᠢᠩᠭ᠎ᠠ | ᠵᠢᠷᠤᠮᠯᠠᠵᠤ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠭᠡᠵᠤ᠂ ᠬᠠᠷᠭᠤᠭᠤᠯᠤᠭᠰᠠᠨ ᠪᠠᠶᠢᠳᠠᠯ ᠢ ᠴᠠᠭ ᠲᠤᠬᠠᠢ ᠳᠤ ᠨᠢ ᠬᠠᠷᠢᠭᠤ ᠳᠤᠰᠬᠠᠨ᠎ᠠ᠃ | ᠢᠯᠡ ᠨᠡᠶᠢᠳᠡᠯᠡᠬᠦ ᠠᠯᠪᠠᠨ ᠭᠡᠷ ᠢ ᠦᠪᠦᠷ ᠮᠤᠩᠭᠤᠯ ᠤᠨ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠠᠰᠠᠷ ᠤᠨ 401 ᠭᠡᠷ ᠲᠤ ᠲᠤᠬᠢᠷᠠᠭᠤᠯᠵᠠᠢ᠃ | ᠬᠦᠯᠢᠶᠡᠨ ᠠᠪᠴᠤ ᠰᠢᠢᠳᠪᠦᠷᠢᠯᠡᠬᠦ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠠ 9:00 —12:00 | ᠦᠳᠡ ᠶᠢᠨ ᠬᠤᠶᠢᠨ᠎ᠠ 13:30 — 17:00 | ᠬᠦᠯᠢᠶᠡᠨ ᠠᠪᠴᠤ ᠰᠢᠢᠳᠪᠦᠷᠢᠯᠡᠬᠦ ᠤᠳᠠᠰᠤ᠄ ︵0471︶ 12380 | ᠤᠨᠴᠠᠯᠠᠨ ᠵᠠᠷᠯᠠᠪᠠ | ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ | 2019 ᠣᠨ ᠤ 5 ᠳ᠋ᠤᠭᠠᠷ ᠰᠠᠷ᠎ᠠ ᠶᠢᠨ 10 ᠤ ᠡᠳᠦᠷ |