ᠬᠥᠬᠡᠬᠤᠲᠠ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠨᠢᠭᠡᠳᠦᠭᠡᠷ ᠤᠯᠠᠷᠢᠯ ᠳᠤ ᠥᠪᠡᠷᠲᠡᠭᠡᠨ ᠵᠠᠰᠠᠬᠤ ᠣᠷᠣᠨ ᠤ ᠭᠠᠳᠠᠭᠠᠳᠤ | ᠠᠷᠠᠯᠵᠢᠶᠠᠨ ᠤ ᠣᠷᠤᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ 262 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ ︵ᠳᠣᠷᠣᠭᠰᠢ ᠠᠳᠠᠯᠢ︶ 11.2% ᠢᠶᠠᠷ ᠨᠡᠮᠡᠭᠳᠡᠨ᠂ ᠠᠳᠠᠯᠢ ᠬᠤᠭᠤᠴᠠᠭᠠᠨ ᠳᠠᠬᠢ ᠪᠥᠬᠦ ᠤᠯᠤᠰ ᠤᠨ ᠭᠠᠳᠠᠭᠠᠳᠤ ᠠᠷᠠᠯᠵᠢᠶᠠᠨ ᠤ | ᠣᠷᠣᠭᠤᠯᠤᠯᠲᠠ ᠭᠠᠷᠭᠠᠯᠲᠠ ᠶᠢᠨ ᠨᠡᠮᠡᠭᠳᠡᠯ ᠤᠨ ᠬᠤᠷᠳᠤᠴᠠ ᠠᠴᠠ 7.5 ᠵᠠᠭᠤᠨ ᠤ ᠴᠡᠭ ᠥᠨᠳᠥᠷ ᠪᠣᠯᠵᠤ᠂ 9 ᠰᠠᠷ᠎ᠠ ᠳᠠᠷᠠᠭᠠᠯᠠᠨ ᠠᠳᠠᠯᠢ ᠬᠤᠭᠤᠴᠠᠭᠠᠨ ᠤ | ᠨᠡᠮᠡᠭᠳᠡᠯ ᠢ ᠪᠠᠲᠤᠯᠠᠪᠠ᠃ ᠡᠭᠦᠨ ᠳᠤ ᠭᠠᠳᠠᠭᠠᠳᠤ ᠭᠠᠷᠭᠠᠯᠲᠠ 92.4 ᠳ᠋ᠦᠩᠰᠢᠭᠤᠷ ᠲᠥᠭᠦᠷᠢᠭ ᠲᠤ ᠬᠦᠷᠴᠦ᠂ 7.2% ᠢᠶᠠᠷ ᠨᠡᠮᠡᠭᠳᠡᠵᠦ︔ ᠭᠠᠳᠠᠭᠠᠳᠤ | ᠣᠷᠣᠭᠤᠯᠤᠯᠲᠠ 169.6 ᠳ᠋ᠦᠩᠰᠢᠭᠤᠷ ᠲᠥᠭᠦᠷᠢᠭ ᠲᠤ ᠬᠦᠷᠴᠦ᠂ 13.6% ᠪᠠᠷ ᠨᠡᠮᠡᠭᠳᠡᠪᠡ᠃ | ᠣᠶᠢᠯᠠᠭᠠᠭᠰᠠᠨ ᠢᠶᠠᠷ᠂ ᠨᠢᠭᠡᠳᠦᠭᠡᠷ ᠤᠯᠠᠷᠢᠯ ᠳᠤ᠂ ᠥᠪᠡᠷᠲᠡᠭᠡᠨ ᠵᠠᠰᠠᠬᠤ ᠣᠷᠣᠨ ᠤ ᠡᠩ ᠤᠨ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ 160. | 7 ᠳ᠋ᠦᠩᠰᠢᠭᠤᠷ ᠲᠥᠭᠦᠷᠢᠭ ᠲᠤ ᠬᠦᠷᠴᠦ᠂ 16.2% ᠢᠶᠠᠷ ᠨᠡᠮᠡᠭᠳᠡᠨ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ | ᠭᠠᠷᠭᠠᠯᠲᠠ ᠶᠢᠨ ᠠᠳᠠᠯᠢ ᠬᠤᠭᠤᠴᠠᠭᠠᠨ ᠳᠠᠬᠢ ᠶᠡᠷᠦᠩᠬᠡᠶ ᠥᠷᠲᠡᠭ ︵ᠳᠣᠷᠣᠭᠰᠢ ᠠᠳᠠᠯᠢ︶ ᠤᠨ 61.3 % ᠶᠢ ᠡᠵᠡᠯᠡᠵᠦ᠂ 2.6 ᠵᠠᠭᠤᠨ ᠤ ᠴᠡᠭ ᠨᠡᠮᠡᠭᠳᠡᠪᠡ︔ | ᠬᠢᠯᠢ ᠶᠢᠨ ᠪᠠᠭ᠎ᠠ ᠲᠣᠭᠠᠨ ᠤ ᠠᠷᠠᠯᠵᠢᠶᠠᠨ ᠤ ᠣᠷᠣᠭᠤᠯᠤᠯᠲᠠ ᠭᠠᠷᠭᠠᠯᠲᠠ 67.8 ᠳ᠋ᠦᠩᠰᠢᠭᠤᠷ ᠲᠥᠭᠦᠷᠢᠭ ᠲᠤ ᠬᠦᠷᠴᠦ᠂ 1.6% ᠪᠠᠷ ᠨᠡᠮᠡᠭᠳᠡᠨ᠂ 25.9% ᠶᠢ | ᠡᠵᠡᠯᠡᠪᠡ︔ ᠭᠠᠶᠢᠯᠢ ᠪᠠᠲᠤᠯᠠᠬᠤ ᠰᠠᠩ ᠬᠥᠮᠥᠷᠭᠡ ᠶᠢᠨ ᠬᠢᠯᠢ ᠪᠠᠷ ᠣᠷᠣᠭᠤᠯᠵᠤ ᠭᠠᠷᠭᠠᠬᠤ ᠪᠠᠷᠠᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ 24.1 | ᠳ᠋ᠦᠩᠰᠢᠭᠤᠷ ᠲᠥᠭᠦᠷᠢᠭ ᠲᠤ ᠬᠦᠷᠴᠦ᠂ 40.8% ᠪᠠᠷ ᠨᠡᠮᠡᠭᠳᠡᠵᠦ᠂ 9.2% ᠢ ᠡᠵᠡᠯᠡᠪᠡ︔ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠭᠠᠳᠠᠭᠠᠳᠤ | ᠣᠷᠣᠭᠤᠯᠤᠯᠲᠠ ᠭᠠᠷᠭᠠᠯᠲᠠ 8.3 ᠳ᠋ᠦᠩᠰᠢᠭᠤᠷ ᠲᠥᠭᠦᠷᠢᠭ ᠲᠤ ᠬᠦᠷᠴᠦ᠂ 28.8% ᠪᠠᠷ ᠪᠠᠭᠤᠷᠠᠵᠤ᠂ 3.2% ᠢ ᠡᠵᠡᠯᠡᠪᠡ᠃ ᠮᠣᠩᠭᠤᠯ ᠤᠯᠤᠰ᠂ ᠣᠷᠣᠰ ᠪᠣᠯ | ᠥᠪᠡᠷᠲᠡᠭᠡᠨ ᠵᠠᠰᠠᠬᠤ ᠣᠷᠣᠨ ᠤ ᠭᠤᠣᠯ ᠪᠣᠯᠬᠤ ᠠᠷᠠᠯᠵᠢᠶᠠᠨ ᠤ ᠬᠠᠨᠢᠲᠠᠨ ᠤᠯᠤᠰ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ ᠭᠠᠳᠠᠭᠠᠳᠤ ᠣᠷᠣᠭᠤᠯᠤᠯᠲᠠ ᠭᠠᠷᠭᠠᠯᠲᠠ 181.4 ᠳ᠋ᠦᠩᠰᠢᠭᠤᠷ ᠲᠥᠭᠦᠷᠢᠭ ᠲᠤ ᠬᠦᠷᠴᠦ᠂ 12.1% ᠪᠠᠷ ᠨᠡᠮᠡᠭᠳᠡᠨ᠂ 69.1 % ᠶᠢ ᠡᠵᠡᠯᠡᠵᠦ᠂ | ᠮᠥᠨ ᠬᠦ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠭᠤᠤᠯ ᠬᠦᠴᠦᠨ ᠪᠣᠯᠪᠠ︔ ᠤᠯᠤᠰ ᠤᠨ ᠦᠮᠴᠢᠯᠡᠯᠲᠦ ᠠᠵᠤ | ᠠᠬᠤᠶᠢᠯᠠᠯ ᠤᠨ ᠭᠠᠳᠠᠭᠠᠳᠤ ᠣᠷᠣᠭᠤᠯᠤᠯᠲᠠ ᠭᠠᠷᠭᠠᠯᠲᠠ 63.5 ᠳ᠋ᠦᠩᠰᠢᠭᠤᠷ ᠲᠥᠭᠦᠷᠢᠭ ᠲᠤ ᠬᠦᠷᠴᠦ᠂ 12.5% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ | ᠨᠡᠯᠢᠶᠡᠳ ᠲᠦᠷᠭᠡᠨ ᠪᠠᠶᠢᠵᠤ᠂ 24.2 % ᠢ ᠡᠵᠡᠯᠡᠪᠡ᠃ ᠭᠠᠳᠠᠭᠠᠳᠤ ᠭᠠᠷᠭᠠᠯᠲᠠ ᠨᠢ ᠪᠣᠯᠣᠳ ᠮᠠᠲ᠋ᠧᠷᠢᠶᠠᠯ᠂ ᠣᠷᠭᠠᠨᠢᠭ ᠬᠢᠮᠢ ᠶᠢᠨ ᠪᠦᠲᠦᠭᠡᠭᠳᠡᠬᠦᠨ᠂ | ᠲᠠᠷᠢᠶᠠᠯᠠᠩ ᠤᠨ ᠪᠦᠲᠦᠭᠡᠭᠳᠡᠬᠦᠨ᠂ ᠮᠠᠰᠢᠨ ᠴᠠᠬᠢᠯᠭᠠᠨ ᠤ ᠣᠶᠢᠯᠡᠳᠭᠦᠨ ᠢᠶᠠᠷ ᠭᠤᠣᠯᠯᠠᠵᠤ᠂ ᠳᠥᠷᠪᠡᠨ ᠵᠦᠢᠯ ᠤᠨ ᠲᠠᠸᠠᠷ ᠨᠡᠶᠢᠯᠡᠭᠡᠳ ᠥᠪᠡᠷᠲᠡᠭᠡᠨ ᠵᠠᠰᠠᠬᠤ | ᠣᠷᠣᠨ ᠤ ᠠᠳᠠᠯᠢ ᠬᠤᠭᠤᠴᠠᠭᠠᠨ ᠳᠠᠬᠢ ᠭᠠᠳᠠᠭᠠᠳᠤ ᠳᠤ ᠭᠠᠷᠭᠠᠭᠰᠠᠨ ᠶᠡᠷᠦᠩᠬᠡᠶ ᠥᠷᠲᠡᠭ ᠤᠨ 73.8 % ᠶᠢ ᠡᠵᠡᠯᠡᠪᠡ᠃ ᠭᠠᠳᠠᠭᠠᠳᠤ ᠣᠷᠣᠭᠤᠯᠤᠯᠲᠠ ᠨᠢ | ᠨᠡᠭᠦᠷᠡᠰᠦ᠂ ᠵᠡᠰ ᠤᠨ ᠬᠦᠳᠡᠷ᠂ ᠬᠡᠷᠡᠭᠰᠡᠯ ᠮᠣᠳᠣ᠂ ᠲᠡᠮᠦᠷ ᠤᠨ ᠬᠦᠳᠡᠷ ᠵᠡᠷᠭᠡ ᠶᠡᠭᠡ ᠬᠡᠮᠵᠢᠶᠡᠨ ᠤ ᠡᠬᠢ ᠪᠠᠶᠠᠯᠢᠭ ᠤᠨ ᠴᠢᠨᠠᠷᠲᠠᠶ ᠲᠠᠸᠠᠷ ᠢᠶᠠᠷ ᠭᠤᠣᠯᠯᠠᠵᠤ᠂ | ᠳᠥᠷᠪᠡᠨ ᠵᠦᠢᠯ ᠤᠨ ᠲᠠᠸᠠᠷ ᠨᠡᠶᠢᠯᠡᠭᠡᠳ ᠥᠪᠡᠷᠲᠡᠭᠡᠨ ᠵᠠᠰᠠᠬᠤ ᠣᠷᠣᠨ ᠤ ᠠᠳᠠᠯᠢ ᠬᠤᠭᠤᠴᠠᠭᠠᠨ ᠳᠠᠬᠢ ᠭᠠᠳᠠᠭᠠᠳᠤ ᠠᠴᠠ ᠣᠷᠣᠭᠤᠯᠤᠭᠰᠠᠨ ᠶᠡᠷᠦᠩᠬᠡᠶ ᠥᠷᠲᠡᠭ ᠤᠨ | 58.5 % ᠶᠢ ᠡᠵᠡᠯᠡᠪᠡ᠃ | ᠬᠥᠬᠡᠬᠤᠲᠠ ᠪᠣᠭᠤᠮᠲᠠ ᠶᠢᠨ ᠲᠤᠭ᠎ᠠ ᠪᠦᠷᠢᠳᠬᠡᠯ ᠤᠨ ᠵᠠᠳᠠᠯᠤᠯᠲᠠ ᠶᠢᠨ ᠭᠠᠵᠠᠷ ᠤᠨ ᠵᠠᠳᠠᠯᠤᠭᠰᠠᠨ ᠢᠶᠠᠷ᠂ ᠶᠡᠭᠡ ᠬᠡᠮᠵᠢᠶᠡᠨ ᠤ ᠡᠬᠢ ᠪᠠᠶᠠᠯᠢᠭ ᠤᠨ ᠴᠢᠨᠠᠷᠲᠠᠶ | ᠲᠠᠸᠠᠷ ᠤᠨ ᠭᠠᠳᠠᠭᠠᠳᠤ ᠣᠷᠣᠭᠤᠯᠤᠯᠲᠠ ᠶᠢᠨ ᠨᠡᠮᠡᠭᠳᠡᠯ ᠨᠢ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠨᠡᠮᠡᠭᠳᠡᠯ ᠳᠤ ᠢᠳᠡᠪᠬᠢᠲᠡᠶ ᠦᠢᠯᠡᠳᠦᠯ | ᠦᠵᠡᠭᠦᠯᠪᠡ᠃ ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠭᠠᠳᠠᠭᠠᠳᠤ ᠠᠷᠠᠯᠵᠢᠶ᠎ᠠ ᠶᠢᠨ ᠭᠠᠳᠠᠭᠠᠳᠤ | ᠣᠷᠣᠭᠤᠯᠤᠯᠲᠠ ᠭᠠᠷᠭᠠᠯᠲᠠ ᠶᠢᠨ ᠨᠡᠮᠡᠭᠳᠡᠯ ᠲᠦᠷᠭᠡᠨ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶ᠎ᠠ ᠶᠢᠨ ᠲᠣᠭᠲᠠᠭᠤᠨ ᠤ ᠳᠤᠮᠳᠠ | ᠰᠠᠶᠢᠵᠢᠷᠠᠬᠤ ᠶᠢ ᠳᠠᠶᠢᠴᠢᠯᠠᠭᠰᠠᠨ ᠪᠠᠶᠢᠨ᠎ᠠ᠃ |