| | | | ᠰᠤᠷᠪᠤᠯᠵᠢᠯᠠᠭᠰᠠᠨ ᠴᠠᠭ᠄ | 2019 ᠣᠨ ᠤ 05 ᠳ᠋ᠤᠭᠠᠷ ᠰᠠᠷ᠎ᠠ ᠶᠢᠨ 21 ᠤ ᠡᠳᠦᠷ ᠤᠨ 15 ᠴᠠᠭ | ᠰᠤᠷᠪᠤᠯᠵᠢᠯᠠᠭ᠎ᠠ ᠬᠦᠯᠢᠶᠡᠭᠴᠢ᠄ | ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠲᠣᠭᠤᠷᠢᠨ ᠪᠠᠶᠢᠴᠠᠭᠠᠭᠴᠢ ᠳ᠋ᠦᠩ ᠱᠦ ᠬᠤᠸᠠ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠥᠪᠥᠷ ᠮᠣᠩᠭᠤᠯ ᠪᠣᠯ ᠪᠦᠬᠦ ᠤᠯᠤᠰ ᠤᠨ ᠣᠢ ᠰᠢᠭᠤᠢ ᠶᠢᠨ ᠠᠮᠢ ᠠᠬᠤᠢ ᠶᠢᠨ ᠪᠠᠶᠢᠭᠤᠯᠤᠯᠲᠠ ᠶᠢᠨ ᠭᠤᠣᠯ ᠳᠠᠶᠢᠯᠠᠯᠳᠤᠭᠠᠨ ᠤ ᠲᠠᠯᠠᠪᠤᠷ ᠪᠠᠶᠢᠵᠤ᠂ ᠵᠢᠯ | ᠪᠦᠷᠢ ᠶᠢᠨ ᠡᠯᠡᠰᠦ ᠶᠢ ᠵᠠᠰᠠᠵᠤ ᠣᠶᠢᠵᠢᠭᠤᠯᠤᠯᠲᠠ ᠬᠢᠬᠦ ᠡᠭᠦᠷᠭᠡ ᠨᠢ ᠮᠢᠩᠭᠠᠨ ᠲᠦᠮᠡᠨ ᠮᠦ ᠠᠴᠠ ᠳᠡᠭᠡᠭᠰᠢ ᠬᠦᠷᠴᠦ᠂ ᠪᠦᠬᠦ ᠤᠯᠤᠰ ᠤᠨ ᠶᠡᠷᠦᠩᠬᠡᠢ ᠡᠭᠦᠷᠭᠡ ᠶᠢᠨ | ᠶᠢᠰᠦᠨ ᠤ ᠨᠢᠭᠡ ᠬᠤᠪᠢ ᠶᠢ ᠡᠵᠡᠯᠡᠵᠦ ᠪᠠᠶᠢᠨ᠎ᠠ᠃ ᠡᠳᠡᠭᠡᠷ ᠵᠢᠯ ᠤᠳ ᠲᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠳᠡᠭᠡᠳᠦ | ᠬᠡᠮᠵᠢᠶᠡᠨ ᠤ ᠴᠢᠬᠤᠯᠠᠴᠢᠯᠠᠯ ᠳᠣᠣᠷ᠎ᠠ᠂ ᠠᠮᠢ ᠠᠬᠤᠢ ᠶᠢᠨ ᠪᠠᠶᠢᠭᠤᠯᠤᠯᠲᠠ ᠳᠤ ᠢᠯᠡᠳᠲᠡ ᠦᠷ᠎ᠡ ᠪᠦᠲᠦᠮᠵᠢ ᠣᠯᠪᠠ᠃ ᠥᠨᠥᠳᠥᠷ ᠪᠢᠳᠡ ᠥᠪᠡᠷᠲᠡᠭᠡᠨ ᠵᠠᠰᠠᠬᠤ | ᠣᠷᠣᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠲᠣᠭᠤᠷᠢᠨ ᠪᠠᠶᠢᠴᠠᠭᠠᠭᠴᠢ ᠳ᠋ᠦᠩ ᠱᠦ ᠬᠤᠸᠠ ᠶᠢ ᠤᠷᠢᠵᠤ᠂ ᠣᠶᠢᠷ᠎ᠠ ᠶᠢᠨ | ᠵᠢᠯ ᠤᠳ ᠠᠴᠠ ᠨᠠᠭᠠᠰᠢᠬᠢ ᠥᠪᠥᠷ ᠮᠣᠩᠭᠤᠯ ᠤᠨ ᠡᠯᠡᠰᠦ ᠵᠢᠵᠠᠰᠠᠵᠤ ᠣᠶᠢᠵᠢᠭᠤᠯᠤᠯᠲᠠ ᠬᠢᠭᠰᠡᠨ ᠠᠵᠢᠯ ᠤᠨ ᠬᠠᠮᠢᠶ᠎ᠠ ᠪᠦᠬᠦᠢ ᠪᠠᠶᠢᠳᠠᠯ ᠳᠤ ᠲᠠᠶᠢᠯᠤᠮᠵᠢ ᠬᠢᠯᠭᠡᠬᠦ ᠪᠠᠷ | ᠪᠣᠯᠣᠯ᠎ᠠ᠃ | | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | | ᠬᠥᠲᠥᠯᠥᠭᠴᠢ᠄ | ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠤᠰ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠢ ᠬᠦᠯᠢᠶᠡᠨ ᠠᠪᠴᠤ ᠦᠵᠡᠬᠦ ᠶᠢ ᠴᠢᠨᠢ ᠪᠠᠶᠠᠷᠯᠠᠨ ᠤᠭᠲᠤᠵᠤ ᠪᠠᠶᠢᠨ᠎ᠠ᠃ ᠥᠪᠥᠷ ᠮᠣᠩᠭᠤᠯ ᠪᠣᠯ ᠪᠦᠬᠦ | ᠤᠯᠤᠰ ᠤᠨ ᠣᠢ ᠰᠢᠭᠤᠢ ᠶᠢᠨ ᠠᠮᠢ ᠠᠬᠤᠢ ᠶᠢᠨ ᠪᠠᠶᠢᠭᠤᠯᠤᠯᠲᠠ ᠶᠢᠨ ᠭᠤᠣᠯ ᠳᠠᠶᠢᠯᠠᠯᠳᠤᠭᠠᠨ ᠤ ᠲᠠᠯᠠᠪᠤᠷ ᠪᠠᠶᠢᠵᠤ᠂ ᠵᠢᠯ ᠪᠦᠷᠢ ᠶᠢᠨ ᠡᠯᠡᠰᠦ ᠶᠢ ᠵᠠᠰᠠᠵᠤ | ᠣᠶᠢᠵᠢᠭᠤᠯᠤᠯᠲᠠ ᠬᠢᠬᠦ ᠡᠭᠦᠷᠭᠡ ᠨᠢ ᠮᠢᠩᠭᠠᠨ ᠲᠦᠮᠡᠨ ᠮᠦ ᠠᠴᠠ ᠳᠡᠭᠡᠭᠰᠢ ᠬᠦᠷᠴᠦ᠂ ᠪᠦᠬᠦ ᠤᠯᠤᠰ ᠤᠨ ᠶᠡᠷᠦᠩᠬᠡᠢ ᠡᠭᠦᠷᠭᠡ ᠶᠢᠨ ᠶᠢᠰᠦᠨ ᠤ ᠨᠢᠭᠡ ᠬᠤᠪᠢ ᠶᠢ | ᠡᠵᠡᠯᠡᠵᠦ ᠪᠠᠶᠢᠨ᠎ᠠ᠃ ᠡᠳᠡᠭᠡᠷ ᠵᠢᠯ ᠤᠳ ᠲᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠳᠡᠭᠡᠳᠦ ᠬᠡᠮᠵᠢᠶᠡᠨ ᠤ ᠴᠢᠬᠤᠯᠠᠴᠢᠯᠠᠯ | ᠳᠣᠣᠷ᠎ᠠ᠂ ᠠᠮᠢ ᠠᠬᠤᠢ ᠶᠢᠨ ᠪᠠᠶᠢᠭᠤᠯᠤᠯᠲᠠ ᠳᠤ ᠢᠯᠡᠳᠲᠡ ᠦᠷ᠎ᠡ ᠪᠦᠲᠦᠮᠵᠢ ᠣᠯᠪᠠ᠃ ᠥᠨᠥᠳᠥᠷ ᠪᠢᠳᠡ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠪᠠ | ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠲᠣᠭᠤᠷᠢᠨ ᠪᠠᠶᠢᠴᠠᠭᠠᠭᠴᠢ ᠳ᠋ᠦᠩ ᠱᠦ ᠬᠤᠸᠠ ᠶᠢ ᠤᠷᠢᠵᠤ᠂ ᠣᠶᠢᠷ᠎ᠠ ᠶᠢᠨ ᠵᠢᠯ ᠤᠳ ᠠᠴᠠ ᠨᠠᠭᠠᠰᠢᠬᠢ ᠥᠪᠥᠷ | ᠮᠣᠩᠭᠤᠯ ᠤᠨ ᠡᠯᠡᠰᠦ ᠶᠢ ᠵᠠᠰᠠᠵᠤ ᠣᠶᠢᠵᠢᠭᠤᠯᠤᠯᠲᠠ ᠬᠢᠭᠰᠡᠨ ᠠᠵᠢᠯ ᠤᠨ ᠬᠠᠮᠢᠶ᠎ᠠ ᠪᠦᠬᠦᠢ ᠪᠠᠶᠢᠳᠠᠯ ᠳᠤ ᠲᠠᠶᠢᠯᠤᠮᠵᠢ ᠬᠢᠯᠭᠡᠬᠦ ᠪᠠᠷ ᠪᠣᠯᠣᠯ᠎ᠠ᠃ ᠳ᠋ᠦᠩ ᠲᠣᠪᠴᠢᠶᠠᠨ | ᠳᠠᠷᠤᠭ᠎ᠠ ᠶᠢ ᠪᠠᠶᠠᠷᠯᠠᠨ ᠤᠭᠲᠤᠵᠤ ᠪᠠᠶᠢᠨ᠎ᠠ᠃ | ᠳ᠋ᠦᠩ ᠱᠦ ᠬᠤᠸᠠ᠄ | ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ | ᠬᠥᠲᠥᠯᠥᠭᠴᠢ᠄ | ᠡᠩ ᠲᠡᠷᠢᠭᠦᠨ ᠳᠤ ᠮᠠᠨ ᠤ ᠣᠷᠣᠨ ᠤ ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢ ᠥᠷᠨᠢᠭᠦᠯᠦᠭᠰᠡᠨ ᠪᠠᠶᠢᠳᠠᠯ ᠨᠢ ᠶᠠᠮᠠᠷ ᠪᠣᠢ︖ ᠶᠠᠮᠠᠷ ᠶᠠᠮᠠᠷ | ᠠᠷᠭ᠎ᠠ ᠬᠡᠮᠵᠢᠶ᠎ᠡ ᠠᠪᠤᠭᠰᠠᠨ ᠪᠣᠢ︖ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠪᠣᠢ︖ ᠵᠡᠷᠭᠡ ᠶᠢ ᠳ᠋ᠦᠩ ᠲᠣᠪᠴᠢᠶᠠᠨ ᠳᠠᠷᠤᠭ᠎ᠠ ᠠᠴᠠ ᠪᠢᠳᠡᠨ ᠳᠤ ᠶᠠᠷᠢᠭᠠᠳ | ᠥᠭᠭᠦᠨ᠎ᠡ ᠦᠦ︖ | ᠳ᠋ᠦᠩ ᠱᠦ ᠬᠤᠸᠠ᠄ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠲᠠᠯᠠᠪᠠᠢ ᠨᠢ 118 ᠲᠦᠮᠡᠨ ᠺᠦᠸᠠᠳ᠋ ᠺᠢᠯᠣᠮᠧᠲᠷ ᠪᠠᠶᠢᠵᠤ᠂ ᠵᠡᠭᠦᠨ ᠬᠤᠶᠢᠲᠤ ᠣᠷᠣᠨ᠂ | ᠤᠮᠠᠷᠠᠲᠤ ᠣᠷᠣᠨ᠂ ᠪᠠᠷᠠᠭᠤᠨ ᠬᠤᠶᠢᠲᠤ ᠣᠷᠣᠨ ᠢ ᠠᠯᠤᠰᠯᠠᠭᠰᠠᠨ᠂ ᠪᠦᠬᠦ ᠤᠯᠤᠰ ᠤᠨ ᠣᠢ ᠰᠢᠭᠤᠢ ᠶᠢᠨ ᠡᠬᠢ ᠪᠠᠶᠠᠯᠢᠭ ᠤᠨ ᠲᠣᠮᠣ ᠣᠷᠣᠨ᠂ ᠡᠯᠡᠰᠦᠷᠬᠡᠭᠵᠢᠯ ᠤᠨ | ᠲᠣᠮᠣ ᠣᠷᠣᠨ᠂ ᠨᠣᠶᠢᠲᠠᠨ ᠭᠠᠵᠠᠷ ᠤᠨ ᠲᠣᠮᠣ ᠣᠷᠣᠨ᠂ ᠠᠮᠢ ᠠᠬᠤᠢ ᠶᠢᠨ ᠪᠠᠶᠢᠭᠤᠯᠤᠯᠲᠠ ᠶᠢᠨ ᠲᠣᠮᠣ ᠣᠷᠣᠨ ᠪᠠᠶᠢᠵᠤ᠂ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠮᠢ ᠠᠬᠤᠢ ᠶᠢᠨ ᠠᠮᠤᠷ ᠲᠦᠪᠰᠢᠨ ᠤ ᠪᠠᠶᠢᠷᠢ ᠰᠠᠭᠤᠷᠢ ᠨᠢ ᠮᠠᠰᠢ ᠴᠢᠬᠤᠯᠠ ᠪᠠᠶᠢᠳᠠᠭ᠃ ᠡᠶᠢᠮᠦ ᠠᠴᠠ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠠᠮᠢ ᠠᠬᠤᠢ ᠶᠢᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠣᠨᠴᠠᠭᠠᠶᠢᠯᠠᠨ ᠨᠠᠮ ᠤᠨ | ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠠᠮᠢ ᠠᠬᠤᠢ ᠶᠢᠨ ᠪᠣᠯᠪᠠᠰᠤᠨ ᠢ ᠪᠠᠶᠢᠭᠤᠯᠬᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ | ᠴᠣᠭᠴᠠᠯᠠᠬᠤ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠠᠶᠢᠭᠤᠯᠬᠤ ᠬᠠᠷᠠᠯᠲᠠ ᠶᠢᠨ ᠲᠣᠭᠤᠷᠢᠨ ᠳᠤ ᠴᠢᠩᠭ᠎ᠠ | ᠨᠢᠭᠲᠠᠷᠠᠨ᠂ ᠢᠳᠡᠪᠬᠢᠲᠡᠢ ᠪᠠᠷ ᠤᠷᠤᠭᠰᠢᠯᠠᠨ ᠳᠠᠪᠰᠢᠵᠤ᠂ ᠯᠠᠪᠳᠠᠭᠤᠨ ᠪᠠᠲᠤᠲᠠᠢ ᠪᠠᠷ ᠠᠵᠢᠯᠯᠠᠵᠤ᠂ ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢ | ᠲᠠᠰᠤᠷᠠᠯᠲᠠ ᠦᠭᠡᠢ ᠠᠬᠢᠭᠤᠯᠪᠠ᠃ ︽13 · 5︾ ᠶᠢᠨ ᠬᠤᠭᠤᠴᠠᠭᠠᠨ ᠳᠤ ᠤᠯᠤᠰ ᠠᠴᠠ ᠲᠥᠯᠥᠪᠵᠢᠭᠦᠯᠦᠭᠰᠡᠨ ᠮᠠᠨ ᠤ ᠣᠷᠣᠨ ᠤ ᠡᠯᠡᠰᠦᠷᠬᠡᠭᠵᠢᠯ ᠢ ᠵᠠᠰᠠᠬᠤ | ᠭᠠᠵᠠᠷ ᠰᠢᠷᠣᠢ ᠶᠢᠨ ᠲᠠᠯᠠᠪᠠᠢ ᠨᠢ 6136.8 ᠲᠦᠮᠡᠨ ᠮᠦ ᠪᠠᠶᠢᠵᠤ᠂ ᠪᠢᠳᠡ ᠵᠢᠯ ᠪᠦᠷᠢ ᠪᠦᠬᠦ ᠤᠯᠤᠰ ᠤᠨ 1000 ᠲᠦᠮᠡᠨ ᠮᠦ ᠠᠴᠠ ᠳᠡᠭᠡᠭᠰᠢᠬᠢ ᠡᠯᠡᠰᠦ ᠶᠢ | ᠵᠠᠰᠠᠵᠤ ᠣᠶᠢᠵᠢᠭᠤᠯᠤᠯᠲᠠ ᠬᠢᠬᠦ ᠡᠭᠦᠷᠭᠡ ᠶᠢ ᠡᠭᠦᠷᠭᠡᠯᠡᠨ᠂ ᠪᠦᠬᠦ ᠤᠯᠤᠰ ᠤᠨ ᠶᠡᠷᠦᠩᠬᠡᠢ ᠡᠭᠦᠷᠭᠡ ᠶᠢᠨ ᠶᠢᠰᠦᠨ ᠤ ᠨᠢᠭᠡ ᠶᠢ ᠡᠵᠡᠯᠡᠵᠦ᠂ ᠮᠠᠨ ᠤ ᠣᠷᠣᠨ ᠪᠣᠯ ᠪᠦᠬᠦ | ᠤᠯᠤᠰ ᠤᠨ ᠣᠶᠢᠵᠢᠭᠤᠯᠤᠯᠲᠠ ᠬᠢᠬᠦ ᠡᠭᠦᠷᠭᠡ ᠶᠢ ᠬᠠᠮᠤᠭ ᠠᠴᠠ ᠣᠯᠠᠨ ᠡᠭᠦᠷᠭᠡᠯᠡᠵᠦ ᠪᠠᠶᠢᠭ᠎ᠠ ᠮᠤᠵᠢ ᠣᠷᠣᠨ ᠮᠥᠨ ᠭᠡᠵᠦ ᠬᠡᠯᠡᠵᠦ ᠪᠣᠯᠣᠨ᠎ᠠ᠃ | ᠬᠥᠲᠥᠯᠥᠭᠴᠢ᠄ | ᠲᠡᠭᠡᠪᠡᠯ ᠪᠢᠳᠡ ᠴᠣᠬᠤᠮ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠢ︖ | ᠳ᠋ᠦᠩ ᠱᠦ ᠬᠤᠸᠠ᠄ | ᠮᠠᠨ ᠤ ᠠᠮᠢ ᠠᠬᠤᠢ ᠶᠢᠨ ᠪᠠᠶᠢᠭᠤᠯᠤᠯᠲᠠ ᠳᠤ ᠠᠪᠤᠭᠰᠠᠨ ᠠᠷᠭ᠎ᠠ ᠬᠡᠮᠵᠢᠶ᠎ᠡ ᠪᠣᠯ ᠭᠤᠣᠯᠳᠠᠭᠤ ᠣᠨᠣᠯᠵᠢᠬᠤᠨ ᠤ ᠲᠠᠯ᠎ᠠ ᠪᠠᠷ ᠪᠢᠳᠡ ᠠᠮᠢ ᠠᠬᠤᠢ ᠪᠠᠷ ᠦᠨᠳᠦᠰᠦ | ᠪᠣᠯᠭᠠᠬᠤ ᠵᠠᠷᠴᠢᠮ ᠢ ᠪᠠᠷᠢᠮᠲᠠᠯᠠᠨ᠂ ᠠᠮᠢ ᠠᠬᠤᠢ ᠪᠠᠷ ᠦᠨᠳᠦᠰᠦ ᠪᠣᠯᠭᠠᠬᠤ ᠪᠠᠷ ᠣᠢ ᠰᠢᠭᠤᠢ ᠶᠢᠨ ᠣᠳᠣᠬᠢᠴᠢᠯᠠᠯᠲᠠ ᠶᠢ ᠠᠬᠢᠭᠤᠯᠬᠤ ᠭᠤᠣᠯ ᠣᠨᠣᠯᠵᠢᠬᠤᠨ | ᠪᠣᠯᠭᠠᠬᠤ ᠶᠢ ᠪᠠᠷᠢᠮᠲᠠᠯᠠᠬᠤ ᠬᠡᠷᠡᠭᠲᠡᠢ᠃ ᠤᠴᠢᠷ ᠨᠢ ᠣᠯᠠᠨ ᠤ ᠮᠡᠳᠡᠭᠡᠵᠢ ᠪᠠᠷ᠂ ᠣᠢ ᠰᠢᠭᠤᠢ ᠪᠣᠯ ᠬᠠᠭᠤᠷᠠᠢ ᠭᠠᠵᠠᠷ ᠤᠨ ᠠᠮᠢ ᠠᠬᠤᠢ ᠶᠢᠨ ᠰᠢᠰᠲ᠋ᠧᠮ ᠤᠨ ᠭᠤᠣᠯ | ᠴᠣᠭᠴᠠ᠂ ᠤᠯᠤᠰ ᠪᠠ ᠦᠨᠳᠦᠰᠦᠲᠡᠨ ᠤ ᠣᠷᠣᠰᠢᠨ ᠲᠣᠭᠲᠠᠨᠢᠬᠤ ᠬᠠᠮᠤᠭ ᠤᠨ ᠶᠡᠭᠡ ᠡᠳ᠋ ᠬᠥᠷᠥᠩᠭᠡ ᠪᠠ ᠰᠠᠭᠤᠷᠢ ᠪᠠᠶᠢᠵᠤ᠂ ᠠᠮᠢ ᠠᠬᠤᠢ ᠶᠢᠨ ᠣᠷᠴᠢᠨ | ᠲᠣᠭᠤᠷᠢᠨ ᠢ ᠬᠠᠮᠠᠭᠠᠯᠠᠬᠤ ᠪᠣᠯ ᠳᠠᠷᠤᠢ ᠦᠢᠯᠡᠳᠪᠦᠷᠢᠯᠡᠯ ᠤᠨ ᠬᠦᠴᠦᠨ ᠢ ᠬᠠᠮᠠᠭᠠᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠪᠣᠯ ᠳᠠᠷᠤᠢ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠶᠠᠪᠤᠳᠠᠯ ᠪᠣᠯᠣᠨ᠎ᠠ᠃ ᠨᠡᠩ ᠢᠯᠠᠩᠭᠤᠶ᠎ᠠ ᠶᠡᠷᠦᠩᠬᠡᠢ ᠱᠦᠵᠢ ᠴᠢᠬᠤᠯᠠᠴᠢᠯᠠᠬᠤ ᠳᠤ ᠪᠠᠨ᠂ ᠪᠢᠳᠡ ᠨᠣᠮᠢᠨ ᠤᠰᠤ | ᠬᠥᠬᠡᠮᠳᠦᠭ ᠠᠭᠤᠯᠠ ᠶᠢ ᠠᠪᠬᠤ ᠪᠠᠷ ᠪᠠᠷᠠᠬᠤ ᠦᠭᠡᠢ ᠠᠯᠲᠠ ᠮᠥᠩᠭᠦᠨ ᠠᠭᠤᠯᠠ ᠶᠢ ᠴᠤ ᠠᠪᠬᠤ ᠬᠡᠷᠡᠭᠲᠡᠢ᠂ ᠬᠤᠶᠠᠭᠤᠯᠠ ᠪᠠᠨ ᠨᠢᠭᠡᠳᠦᠯ ᠦᠭᠡᠢ ᠦᠶ᠎ᠡ ᠳᠤ᠂ ᠪᠢᠳᠡ | ᠨᠣᠮᠢᠨ ᠤᠰᠤ ᠬᠥᠬᠡᠮᠳᠦᠭ ᠠᠭᠤᠯᠠ ᠶᠢ ᠠᠪᠬᠤ ᠠᠴᠠ ᠪᠢᠰᠢ᠂ ᠠᠯᠳᠠ ᠮᠥᠩᠭᠦᠨ ᠠᠭᠤᠯᠠ ᠶᠢ ᠠᠪᠬᠤ ᠦᠭᠡᠢ᠂ ᠡᠰᠡᠷᠭᠦ ᠪᠠᠷ ᠬᠡᠯᠡᠪᠡᠯ᠂ ᠨᠣᠮᠢᠨ ᠤᠰᠤ ᠬᠥᠬᠡᠮᠳᠦᠭ | ᠠᠭᠤᠯᠠ ᠪᠣᠯ ᠳᠠᠷᠤᠢ ᠠᠯᠲᠠ ᠮᠥᠩᠭᠦᠨ ᠠᠭᠤᠯᠠ ᠮᠥᠨ ᠭᠡᠵᠡᠢ᠃ ᠡᠶᠢᠮᠦ ᠠᠴᠠ ᠪᠢᠳᠡ ᠶᠡᠷᠦ ᠠᠴᠠ ᠠᠮᠢ ᠠᠬᠤᠢ ᠪᠠᠷ ᠦᠨᠳᠦᠰᠦ ᠪᠣᠯᠭᠠᠬᠤ ᠣᠨᠣᠯᠵᠢᠬᠤᠨ ᠢ | ᠪᠠᠷᠢᠮᠲᠠᠯᠠᠭᠰᠠᠭᠠᠷ ᠢᠷᠡᠵᠡᠢ᠃ | ᠬᠤᠶᠠᠷ ᠲᠤ᠂ ᠪᠢᠳᠡ ᠰᠢᠰᠲ᠋ᠧᠮ ᠲᠠᠢ ᠪᠠᠷ ᠵᠠᠰᠠᠯᠲᠠ ᠬᠢᠬᠦ ᠵᠠᠷᠴᠢᠮ ᠢ ᠪᠠᠷᠢᠮᠲᠠᠯᠠᠨ᠂ ᠰᠢᠰᠲ᠋ᠧᠮ ᠲᠠᠢ ᠪᠠᠷ ᠵᠠᠰᠠᠯᠲᠠ ᠬᠢᠬᠦ ᠪᠠᠷ ᠣᠢ ᠰᠢᠭᠤᠢ ᠶᠢᠨ ᠦᠢᠯᠡᠰ ᠤᠨ | ᠣᠳᠣᠬᠢᠴᠢᠯᠠᠯᠲᠠ ᠶᠢ ᠠᠬᠢᠭᠤᠯᠬᠤ ᠦᠨᠳᠦᠰᠦᠨ ᠠᠷᠭ᠎ᠠ ᠪᠣᠳᠣᠯᠭ᠎ᠠ ᠪᠣᠯᠭᠠᠬᠤ ᠶᠢ ᠪᠠᠷᠢᠮᠲᠠᠯᠠᠵᠤ᠂ ᠬᠥᠮᠥᠨ ᠤ ᠠᠮᠢᠨ ᠰᠤᠳᠠᠰᠤ ᠨᠢ ᠲᠠᠷᠢᠶᠠᠨ ᠳᠤ ᠪᠣᠢ᠂ ᠲᠠᠷᠢᠶᠠᠨ ᠤ | ᠠᠮᠢᠨ ᠰᠤᠳᠠᠰᠤ ᠨᠢ ᠤᠰᠤᠨ ᠳᠤ ᠪᠣᠢ᠂ ᠤᠰᠤᠨ ᠤ ᠠᠮᠢᠨ ᠰᠤᠳᠠᠰᠤ ᠨᠢ ᠠᠭᠤᠯᠠᠨ ᠳᠤ ᠪᠣᠢ᠂ ᠠᠭᠤᠯᠠᠨ ᠤ ᠠᠮᠢᠨ ᠰᠤᠳᠠᠰᠤ ᠨᠢ ᠭᠠᠵᠠᠷ ᠰᠢᠷᠣᠢ ᠳᠤ ᠪᠣᠢ᠂ ᠭᠠᠵᠠᠷ | ᠰᠢᠷᠣᠢ ᠶᠢᠨ ᠠᠮᠢᠨ ᠰᠤᠳᠠᠰᠤ ᠨᠢ ᠣᠢ ᠰᠢᠭᠤᠢ ᠳᠤ ᠪᠣᠢ ᠭᠡᠬᠦ ᠣᠯᠠᠨ ᠢᠶᠠᠷ ᠢᠶᠠᠨ ᠪᠦᠷ ᠲᠣᠳᠣᠷᠬᠠᠢ ᠮᠡᠳᠡᠳᠡᠭ ᠪᠠᠶᠢᠭᠠᠯᠢ ᠶᠢᠨ ᠵᠢᠮ᠎ᠡ ᠬᠠᠤᠯᠢ ᠶᠣᠰᠣᠭᠠᠷ᠂ ᠠᠭᠤᠯᠠ | ᠤᠰᠤ ᠣᠢ ᠲᠠᠷᠢᠶ᠎ᠠ ᠨᠠᠭᠤᠷ ᠤᠨ ᠠᠮᠢ ᠠᠬᠤᠢ ᠶᠢᠨ ᠬᠠᠮᠠᠭᠠᠯᠠᠯᠲᠠ ᠪᠠ ᠵᠠᠰᠠᠯᠲᠠ ᠶᠢ ᠬᠡᠷᠡᠭᠵᠢᠭᠦᠯᠬᠦ ᠳᠤ᠂ ᠮᠠᠨ ᠤ ᠠᠪᠤᠭᠰᠠᠨ ᠭᠤᠣᠯ ᠠᠷᠭ᠎ᠠ ᠬᠡᠮᠵᠢᠶ᠎ᠡ ᠪᠣᠯ ᠳᠠᠷᠤᠢ | ᠰᠠᠯᠬᠢ ᠶᠢ ᠰᠡᠷᠭᠡᠶᠢᠯᠡᠨ ᠡᠯᠡᠰᠦ ᠶᠢ ᠲᠣᠭᠲᠠᠪᠤᠷᠢᠵᠢᠭᠤᠯᠬᠤ᠂ ᠤᠰᠤᠨ ᠰᠤᠷᠪᠤᠯᠵᠢ ᠶᠢ ᠲᠡᠵᠢᠭᠡᠨ ᠨᠥᠬᠦᠪᠦᠷᠢᠯᠡᠬᠦ᠂ ᠤᠰᠤ ᠬᠥᠷᠥᠰᠥ ᠶᠢ ᠪᠠᠲᠤᠯᠠᠬᠤ᠂ ᠲᠠᠷᠢᠶᠠᠨ | ᠭᠠᠵᠠᠷ ᠤᠨ ᠰᠡᠷᠭᠡᠶᠢᠯᠡᠯᠲᠡ ᠶᠢᠨ ᠣᠢ ᠶᠢ ᠪᠠᠶᠢᠭᠤᠯᠬᠤ ᠵᠡᠷᠭᠡ ᠣᠷᠣᠨ ᠬᠡᠪᠴᠢᠶᠡᠨ ᠤ ᠴᠢᠨᠠᠷᠲᠠᠢ ᠰᠡᠷᠭᠡᠶᠢᠯᠡᠯᠲᠡ ᠶᠢᠨ ᠣᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ | ᠠᠬᠢᠭᠤᠯᠵᠤ ᠪᠠᠶᠢᠭᠠᠳ ᠪᠠᠶᠢᠭᠠᠯᠢ ᠶᠢᠨ ᠠᠮᠢ ᠠᠬᠤᠢ ᠶᠢᠨ ᠰᠢᠰᠲ᠋ᠧᠮ ᠤᠨ ᠪᠦᠷᠢᠨ ᠪᠦᠲᠦᠨ ᠴᠢᠨᠠᠷ ᠪᠠ ᠲᠣᠭᠲᠠᠭᠤᠨ ᠴᠢᠨᠠᠷ ᠢ ᠰᠡᠷᠭᠦᠭᠡᠪᠡ᠃ | ᠭᠤᠷᠪᠠ ᠳᠤ᠂ ᠪᠢᠳᠡ ᠪᠠᠶᠢᠭᠠᠯᠢᠯᠢᠭ ᠰᠡᠷᠭᠦᠭᠡᠯᠲᠡ ᠪᠠᠷ ᠭᠤᠣᠯ ᠪᠣᠯᠭᠠᠬᠤ ᠵᠠᠷᠴᠢᠮ ᠢ ᠪᠠᠷᠢᠮᠲᠠᠯᠠᠪᠠ᠂ ᠶᠡᠷᠦᠩᠬᠡᠢ ᠱᠦᠵᠢ ᠴᠤ ᠪᠢᠳᠡ ᠡᠷᠬᠡᠪᠰᠢ ᠪᠠᠶᠢᠭᠠᠯᠢ ᠶᠢ | ᠬᠦᠨᠳᠦᠳᠬᠡᠬᠦ᠂ ᠪᠠᠶᠢᠭᠠᠯᠢ ᠶᠢ ᠠᠶᠠᠯᠳᠠᠨ ᠳᠠᠭᠠᠬᠤ᠂ ᠪᠠᠶᠢᠭᠠᠯᠢ ᠶᠢ ᠬᠠᠮᠠᠭᠠᠯᠠᠬᠤ ᠶᠢ ᠪᠠᠷᠢᠮᠲᠠᠯᠠᠬᠤ ᠬᠡᠷᠡᠭᠲᠡᠢ ᠭᠡᠵᠦ ᠴᠢᠬᠤᠯᠠᠴᠢᠯᠠᠵᠤ ᠥᠩᠭᠡᠷᠡᠪᠡ᠃ ᠡᠶᠢᠮᠦ ᠠᠴᠠ ᠪᠢᠳᠡ | ᠶᠡᠷᠦ ᠠᠴᠠ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠪᠠᠶᠢᠭᠠᠯᠢᠯᠢᠭ ᠵᠠᠰᠠᠨ ᠰᠡᠷᠭᠦᠭᠡᠯᠲᠡ ᠪᠠᠷ ᠭᠤᠣᠯ ᠪᠣᠯᠭᠠᠨ᠂ ᠪᠠᠶᠢᠭᠠᠯᠢᠯᠢᠭ ᠰᠡᠷᠭᠦᠭᠡᠯᠲᠡ ᠬᠢᠭᠡᠳ | ᠬᠥᠮᠥᠨ ᠤ ᠬᠦᠴᠦ ᠪᠠᠷ ᠵᠠᠰᠠᠨ ᠰᠡᠷᠭᠦᠭᠡᠬᠦ ᠶᠢ ᠬᠠᠷᠢᠯᠴᠠᠨ ᠤᠶᠠᠯᠳᠤᠭᠤᠯᠵᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠵᠤ᠂ ᠣᠢ ᠰᠢᠭᠤᠢ᠂ | ᠨᠣᠶᠢᠲᠠᠨ ᠭᠠᠵᠠᠷ᠂ ᠲᠠᠴᠢᠷ ᠴᠥᠯ ᠵᠡᠷᠭᠡ ᠪᠠᠶᠢᠭᠠᠯᠢ ᠶᠢᠨ ᠠᠮᠢ ᠠᠬᠤᠢ ᠶᠢᠨ ᠰᠢᠰᠲ᠋ᠧᠮ ᠤᠨ ᠲᠣᠭᠲᠠᠭᠤᠨ ᠴᠢᠨᠠᠷ ᠪᠠ ᠠᠮᠢ ᠠᠬᠤᠢ ᠶᠢᠨ ᠦᠢᠯᠡᠴᠢᠯᠡᠭᠡ ᠶᠢᠨ | ᠴᠢᠳᠠᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠭᠰᠡᠭᠡᠷ ᠢᠷᠡᠵᠡᠢ᠃ | ᠳᠥᠷᠪᠡ ᠳᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠠᠷᠴᠢᠮ ᠢ ᠪᠠᠷᠢᠮᠲᠠᠯᠠᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠᠷ ᠣᠢ ᠰᠢᠭᠤᠢ ᠶᠢᠨ | ᠦᠢᠯᠡᠰ ᠢ ᠬᠥᠭᠵᠢᠭᠦᠯᠬᠦ ᠶᠢᠨ ᠲᠡᠷᠢᠭᠦᠨ ᠴᠢᠬᠤᠯᠠ ᠡᠭᠦᠷᠭᠡ ᠪᠣᠯᠭᠠᠬᠤ ᠶᠢ ᠪᠠᠷᠢᠮᠲᠠᠯᠠᠵᠤ᠂ ᠨᠡᠩ ᠡᠯᠪᠡᠭ ᠠᠮᠢ ᠠᠬᠤᠢ ᠶᠢᠨ ᠪᠦᠲᠦᠭᠡᠭᠳᠡᠬᠦᠨ ᠢ ᠡᠭᠦᠳᠦᠨ ᠪᠦᠲᠦᠭᠡᠵᠦ᠂ | ᠪᠣᠬᠢᠷᠲᠤᠯ ᠦᠭᠡᠢ ᠪᠥᠭᠡᠳ ᠠᠷᠠᠳ ᠢ ᠴᠢᠨᠡᠭᠡᠯᠢᠭᠵᠢᠭᠦᠯᠬᠦ ᠠᠵᠤ ᠦᠢᠯᠡᠰ ᠢ ᠬᠥᠭᠵᠢᠭᠦᠯᠦᠨ᠂ ᠲᠤᠶᠢᠯ ᠤᠨ ᠣᠨᠣᠪᠴᠢᠲᠠᠢ ᠪᠠᠷ ᠶᠠᠳᠠᠭᠤ ᠶᠢ ᠲᠡᠳᠬᠦᠬᠦ ᠶᠢ ᠶᠡᠭᠡ | ᠬᠦᠴᠦᠨ ᠢᠶᠠᠷ ᠠᠬᠢᠭᠤᠯᠵᠤ᠂ ᠶᠠᠳᠠᠭᠤ ᠬᠦᠴᠢᠷᠳᠡᠯᠲᠡᠢ ᠬᠥᠮᠥᠰ ᠲᠤ ᠠᠵᠢᠯ ᠣᠯᠭᠤᠬᠤ ᠬᠢᠭᠡᠳ ᠣᠷᠣᠯᠭ᠎ᠠ ᠶᠢ ᠨᠢ ᠨᠡᠮᠡᠭᠳᠡᠭᠦᠯᠬᠦ ᠶᠢ ᠠᠬᠢᠭᠤᠯᠤᠨ᠂ ᠬᠥᠮᠥᠰ ᠤᠨ | ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠵᠤ᠂ ᠨᠡᠶᠢᠭᠡᠮ ᠤᠨ ᠡᠶ᠎ᠡ ᠵᠣᠬᠢᠴᠠᠯᠳᠤ ᠬᠥᠭᠵᠢᠯᠲᠡ ᠶᠢ ᠠᠬᠢᠭᠤᠯᠪᠠ᠃ | ᠲᠠᠪᠤ ᠳᠤ᠂ ᠳᠦᠷᠢᠮ ᠤᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠬᠦ ᠪᠠᠶᠢᠭᠤᠯᠤᠯᠲᠠ ᠶᠢ ᠪᠠᠷᠢᠮᠲᠠᠯᠠᠨ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠡᠭᠦᠷᠭᠡ ᠶᠢᠨ ᠱᠠᠭᠠᠷᠳᠠᠯᠭ᠎ᠠ ᠶᠣᠰᠣᠭᠠᠷ ᠣᠢ ᠰᠢᠭᠤᠢ ᠶᠢᠨ ᠦᠢᠯᠡᠰ ᠤᠨ ᠡᠬᠢ ᠪᠠᠶᠠᠯᠢᠭ ᠡᠳ᠋ ᠬᠥᠷᠥᠩᠭᠡ ᠶᠢᠨ ᠥᠮᠴᠢᠯᠡᠬᠦ | ᠡᠷᠬᠡ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠬᠦ ᠶᠢ ᠪᠠᠷᠢᠮᠲᠠᠯᠠᠵᠤ᠂ ᠣᠢ ᠰᠢᠭᠤᠢ ᠶᠢᠨ ᠦᠢᠯᠡᠰ ᠤᠨ ᠡᠬᠢ ᠪᠠᠶᠠᠯᠢᠭ ᠤᠨ ᠬᠡᠷᠡᠭᠯᠡᠯᠲᠡ ᠶᠢ ᠬᠠᠮᠢᠶᠠᠷᠤᠨ ᠬᠢᠵᠠᠭᠠᠷᠯᠠᠬᠤ | ᠳᠦᠷᠢᠮ ᠢ ᠪᠠᠶᠢᠭᠤᠯᠤᠨ ᠪᠦᠷᠢᠨᠰᠢᠭᠦᠯᠬᠦ᠂ ᠣᠢ ᠰᠢᠭᠤᠢ ᠶᠢᠨ ᠦᠢᠯᠡᠰ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠷᠢᠲᠦᠯ ᠤᠨ ᠬᠦᠰᠦᠨᠦᠭ ᠢ | ᠨᠠᠶᠢᠷᠠᠭᠤᠯᠤᠨ ᠵᠣᠬᠢᠶᠠᠬᠤ ᠳᠦᠷᠢᠮ ᠢ ᠪᠠᠶᠢᠭᠤᠯᠤᠨ ᠪᠦᠷᠢᠨᠰᠢᠭᠦᠯᠬᠦ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠪᠡᠯ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ | ᠪᠠᠶᠢᠭᠤᠯᠤᠨ ᠪᠦᠷᠢᠨᠰᠢᠭᠦᠯᠬᠦ᠂ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠬᠦ ᠵᠡᠷᠭᠡ ᠠᠯᠢ ᠣᠯᠠᠨ ᠳᠦᠷᠢᠮ ᠢᠶᠠᠷ ᠠᠮᠢ | ᠠᠬᠤᠢ ᠶᠢᠨ ᠪᠠᠶᠢᠭᠤᠯᠤᠯᠲᠠ ᠳᠤ ᠪᠠᠲᠤᠯᠠᠭ᠎ᠠ ᠬᠠᠩᠭᠠᠪᠠ᠃ | ᠬᠥᠲᠥᠯᠥᠭᠴᠢ᠄365赢多少钱会被限额_国内有真正的365平台吗_365bet博彩官网 | ᠴᠣᠬᠤᠮ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠢ ᠪᠢᠳᠡᠨ ᠳᠤ ᠶᠠᠷᠢᠭᠠᠳ ᠥᠭᠭᠦᠨ᠎ᠡ ᠦᠦ︖ | ᠳ᠋ᠦᠩ ᠱᠦ ᠬᠤᠸᠠ᠄ | ᠲᠡᠭᠡᠶ᠎ᠡ᠃ ᠠᠮᠢ ᠠᠬᠤᠢ ᠶᠢᠨ ᠪᠠᠶᠢᠭᠤᠯᠤᠯᠲᠠ ᠳᠤ ᠪᠢᠳᠡ ᠮᠠᠰᠢ ᠣᠯᠠᠨ ᠦᠷ᠎ᠡ ᠪᠦᠲᠦᠮᠵᠢ ᠣᠯᠪᠠ᠃ ᠮᠠᠨ ᠤ ᠣᠷᠣᠨ ᠤ ᠣᠢ ᠰᠢᠭᠤᠢ ᠶᠢᠨ ᠲᠠᠯᠠᠪᠠᠢ ᠨᠢ 3. | 92 ᠳ᠋ᠦᠩᠰᠢᠭᠤᠷ ᠮᠦ ᠳᠤ ᠬᠦᠷᠴᠦ᠂ ᠲᠡᠭᠦᠨ ᠤ ᠳᠣᠲᠣᠷ᠎ᠠ ᠪᠠᠶᠢᠭᠠᠯᠢ ᠶᠢᠨ ᠣᠢ ᠶᠢᠨ ᠲᠠᠯᠠᠪᠠᠢ ᠨᠢ 3.02 ᠮᠦ᠂ ᠬᠥᠮᠥᠨ ᠤ ᠬᠦᠴᠦ ᠪᠠᠷ ᠤᠷᠭᠤᠭᠤᠯᠤᠭᠰᠠᠨ | ᠣᠢ ᠶᠢᠨ ᠲᠠᠯᠠᠪᠠᠢ ᠨᠢ 9000 ᠲᠦᠮᠡᠨ ᠮᠦ ᠪᠠᠶᠢᠳᠠᠭ︔ ᠣᠢ ᠰᠢᠭᠤᠢ ᠶᠢᠨ ᠨᠥᠭᠡᠴᠡ ᠨᠢ 15.27 ᠳ᠋ᠦᠩᠰᠢᠭᠤᠷ ᠺᠦᠪ ᠮᠧᠲᠷ᠂ ᠣᠢ ᠰᠢᠭᠤᠢ ᠶᠢᠨ | ᠪᠦᠷᠬᠦᠴᠡ ᠶᠢᠨ ᠨᠣᠷᠮ᠎ᠠ ᠨᠢ 22.1% ᠳᠤ ᠬᠦᠷᠴᠡᠢ᠃ 2013 ᠣᠨ ᠤ ᠨᠠᠢᠮᠠᠳᠤᠭᠠᠷ ᠤᠳᠠᠭᠠᠨ ᠤ ᠪᠦᠬᠦ ᠤᠯᠤᠰ ᠤᠨ ᠣᠢ ᠰᠢᠭᠤᠢ ᠶᠢᠨ ᠡᠬᠢ ᠪᠠᠶᠠᠯᠢᠭ ᠤᠨ | ᠢᠯᠭᠠᠨ ᠪᠠᠶᠢᠴᠠᠭᠠᠯᠲᠠ ᠲᠠᠢ ᠬᠠᠷᠢᠴᠠᠭᠤᠯᠪᠠᠯ᠂ ᠣᠢ ᠰᠢᠭᠤᠢ ᠶᠢᠨ ᠲᠠᠯᠠᠪᠠᠢ ᠨᠢ 1904 ᠲᠦᠮᠡᠨ ᠮᠦ ᠨᠡᠮᠡᠭᠳᠡᠨ᠂ ᠣᠢ ᠰᠢᠭᠤᠢ ᠶᠢᠨ ᠨᠥᠭᠡᠴᠡ ᠨᠢ 1.82 | ᠳ᠋ᠦᠩᠰᠢᠭᠤᠷ ᠺᠦᠪ ᠮᠧᠲᠷ ᠨᠡᠮᠡᠭᠳᠡᠵᠦ᠂ ᠣᠢ ᠰᠢᠭᠤᠢ ᠶᠢᠨ ᠪᠦᠷᠬᠦᠴᠡ ᠶᠢᠨ ᠨᠣᠷᠮ᠎ᠠ ᠨᠢ 1.07% ᠪᠠᠷ ᠳᠡᠭᠡᠭᠰᠢᠯᠡᠪᠡ᠃ ᠮᠠᠨ ᠤ ᠣᠷᠣᠨ ᠤ ᠣᠢ ᠰᠢᠭᠤᠢ ᠶᠢᠨ | ᠲᠠᠯᠠᠪᠠᠢ ᠬᠢᠭᠡᠳ ᠣᠢ ᠰᠢᠭᠤᠢ ᠶᠢᠨ ᠨᠥᠭᠡᠴᠡ ᠨᠢ ᠵᠠᠯᠭᠠᠭ᠎ᠠ ᠪᠠᠷ ︽ᠬᠤᠣᠰ ᠢᠶᠠᠷ ᠨᠡᠮᠡᠭᠳᠡᠬᠦ︾ ᠶᠢ ᠪᠡᠶᠡᠯᠡᠭᠦᠯᠵᠡᠢ᠃ | ᠬᠥᠲᠥᠯᠥᠭᠴᠢ᠄ | ᠲᠡᠭᠡᠪᠡᠯ ᠮᠠᠨ ᠤ ᠣᠷᠣᠨ ᠤ ᠴᠥᠯᠡᠷᠬᠡᠭᠵᠢᠯᠲᠡ ᠪᠠ ᠡᠯᠡᠰᠦᠷᠬᠡᠭᠵᠢᠯᠲᠡ ᠶᠢᠨ ᠪᠠᠶᠢᠳᠠᠯ ᠨᠢ ᠶᠠᠮᠠᠷ ᠪᠣᠢ︖ ᠣᠯᠠᠨ ᠵᠢᠯ ᠤᠨ ᠵᠠᠰᠠᠯᠲᠠ ᠪᠠᠷ ᠳᠠᠮᠵᠢᠭᠤᠯᠤᠨ ᠶᠠᠮᠠᠷ | ᠶᠠᠮᠠᠷ ᠦᠷ᠎ᠡ ᠪᠦᠲᠦᠮᠵᠢ ᠣᠯᠣᠭᠰᠠᠨ ᠪᠣᠢ︖ | ᠳ᠋ᠦᠩ ᠱᠦ ᠬᠤᠸᠠ᠄ | ᠥᠪᠥᠷ ᠮᠣᠩᠭᠤᠯ ᠤᠨ ᠴᠥᠯᠡᠷᠬᠡᠭᠵᠢᠯᠲᠡ ᠪᠠ ᠡᠯᠡᠰᠦᠷᠬᠡᠭᠵᠢᠯᠲᠡ ᠶᠢᠨ ᠪᠠᠶᠢᠳᠠᠯ᠄ ᠪᠦᠬᠦ ᠤᠯᠤᠰ ᠤᠨ ᠲᠠᠪᠤᠳᠤᠭᠠᠷ ᠤᠳᠠᠭᠠᠨ ᠤ ᠴᠥᠯᠡᠷᠬᠡᠭᠵᠢᠯᠲᠡ ᠪᠠ | ᠡᠯᠡᠰᠦᠷᠬᠡᠭᠵᠢᠯᠲᠡ ᠶᠢᠨ ᠭᠠᠵᠠᠷ ᠰᠢᠷᠣᠢ ᠶᠢᠨ ᠬᠢᠨᠠᠨ ᠬᠡᠮᠵᠢᠯᠲᠡ ᠶᠢᠨ ᠦᠷ᠎ᠡ ᠳ᠋ᠦᠩ ᠢ ᠦᠨᠳᠦᠰᠦᠯᠡᠪᠡᠯ᠂ ᠪᠦᠬᠦ ᠣᠷᠣᠨ ᠤ ᠴᠥᠯᠡᠷᠬᠡᠭᠵᠢᠭᠰᠡᠨ ᠭᠠᠵᠠᠷ ᠰᠢᠷᠣᠢ ᠶᠢᠨ | ᠲᠠᠯᠠᠪᠠᠢ ᠨᠢ 9.14 ᠳ᠋ᠦᠩᠰᠢᠭᠤᠷ ᠮᠦ ᠳᠤ ᠬᠦᠷᠴᠦ᠂ ᠪᠦᠬᠦ ᠣᠷᠣᠨ ᠤ ᠤᠯᠤᠰ ᠤᠨ ᠭᠠᠵᠠᠷ ᠰᠢᠷᠣᠢ ᠶᠢᠨ ᠶᠡᠷᠦᠩᠬᠡᠢ ᠲᠠᠯᠠᠪᠠᠢ ᠶᠢᠨ 51.5% ᠶᠢ ᠡᠵᠡᠯᠡᠨ᠎ᠡ︔ | ᠡᠯᠡᠰᠦᠷᠬᠡᠭᠵᠢᠭᠰᠡᠨ ᠭᠠᠵᠠᠷ ᠰᠢᠷᠣᠢ ᠶᠢᠨ ᠲᠠᠯᠠᠪᠠᠢ ᠨᠢ 6.12 ᠳ᠋ᠦᠩᠰᠢᠭᠤᠷ ᠮᠦ ᠳᠤ ᠬᠦᠷᠴᠦ᠂ ᠪᠦᠬᠦ ᠣᠷᠣᠨ ᠤ ᠤᠯᠤᠰ ᠤᠨ ᠭᠠᠵᠠᠷ ᠰᠢᠷᠣᠢ ᠶᠢᠨ ᠶᠡᠷᠦᠩᠬᠡᠢ | ᠲᠠᠯᠠᠪᠠᠢ ᠶᠢᠨ 34.4% ᠶᠢ ᠡᠵᠡᠯᠡᠵᠦ ᠪᠠᠶᠢᠨ᠎ᠠ᠃ ᠡᠶᠢᠮᠦ ᠠᠴᠠ ᠮᠠᠨ ᠤ ᠣᠷᠣᠨ ᠤ ᠴᠥᠯᠡᠷᠬᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠲᠠᠯᠠᠪᠠᠢ ᠨᠢ | ᠮᠥᠨ ᠬᠦ ᠮᠠᠰᠢ ᠶᠡᠭᠡ ᠪᠠᠶᠢᠳᠠᠭ᠃ | ᠣᠯᠣᠭᠰᠠᠨ ᠦᠷ᠎ᠡ ᠪᠦᠲᠦᠮᠵᠢ᠄ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠴᠥᠯᠡᠷᠬᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠢ ᠳᠤ ᠬᠢᠨᠠᠨ | ᠬᠡᠮᠵᠢᠯᠲᠡ ᠬᠢᠭᠰᠡᠨ ᠦᠷ᠎ᠡ ᠳ᠋ᠦᠩ ᠲᠠᠢ ᠬᠠᠷᠢᠴᠠᠭᠤᠯᠪᠠᠯ᠂ ᠪᠦᠬᠦ ᠣᠷᠣᠨ ᠤ ᠴᠥᠯᠡᠷᠬᠡᠭᠵᠢᠭᠰᠡᠨ ᠭᠠᠵᠠᠷ ᠰᠢᠷᠣᠢ᠂ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠲᠠᠯᠠᠪᠠᠢ | ᠨᠢ ᠲᠤᠰ ᠲᠤᠰ 625 ᠲᠦᠮᠡᠨ ᠮᠦ ᠪᠠ 515 ᠲᠦᠮᠡᠨ ᠮᠦ ᠪᠠᠭᠠᠰᠪᠠ᠂ ᠴᠥᠯᠡᠷᠬᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠲᠠᠯᠠᠪᠠᠢ ᠶᠢ | ᠦᠷᠭᠦᠯᠵᠢᠯᠡᠨ ︽ᠬᠤᠣᠰ ᠢᠶᠠᠷ ᠪᠠᠭᠠᠰᠬᠠᠬᠤ︾ ᠶᠢ ᠪᠡᠶᠡᠯᠡᠭᠦᠯᠦᠨ᠂ ᠪᠠᠭᠠᠰᠤᠭᠰᠠᠨ ᠲᠠᠯᠠᠪᠠᠢ ᠨᠢ ᠪᠦᠬᠦ ᠤᠯᠤᠰ ᠤᠨ ᠲᠡᠷᠢᠭᠦᠨ ᠪᠠᠶᠢᠷᠢ ᠳᠤ ᠣᠷᠣᠵᠤ ᠪᠠᠶᠢᠨ᠎ᠠ᠃ | ᠬᠥᠲᠥᠯᠥᠭᠴᠢ᠄ | ᠮᠠᠨ ᠤ ᠣᠷᠣᠨ ᠤ ᠠᠮᠢ ᠠᠬᠤᠢ ᠶᠢᠨ ᠪᠠᠶᠢᠭᠤᠯᠤᠯᠲᠠ ᠶᠢᠨ ᠠᠴᠢ ᠬᠤᠯᠪᠣᠭᠳᠠᠯ ᠨᠢ ᠬᠠᠮᠢᠭ᠎ᠠ ᠢᠯᠡᠷᠡᠵᠦ ᠪᠠᠶᠢᠬᠤ ᠪᠣᠢ︖ ᠡᠭᠦᠨ ᠠᠴᠠ ᠬᠤᠶᠢᠰᠢᠳᠠ ᠶᠢᠨ ᠨᠢᠭᠡ | ᠬᠡᠰᠡᠭ ᠬᠤᠭᠤᠴᠠᠭᠠᠨ ᠤ ᠮᠠᠨ ᠤ ᠣᠷᠣᠨ ᠤ ᠠᠮᠢ ᠠᠬᠤᠢ ᠶᠢᠨ ᠪᠠᠶᠢᠭᠤᠯᠤᠯᠲᠠ ᠶᠢᠨ ᠰᠡᠳᠬᠢᠮᠵᠢ ᠨᠢ ᠶᠠᠭᠤ ᠪᠣᠢ︖ | ᠳ᠋ᠦᠩ ᠱᠦ ᠬᠤᠸᠠ᠄ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠪᠠᠶᠢᠭᠤᠯᠤᠯᠲᠠ ᠶᠢᠨ ᠠᠴᠢ ᠬᠤᠯᠪᠣᠭᠳᠠᠯ ᠨᠢ ᠮᠠᠰᠢ ᠶᠡᠭᠡ ᠪᠠᠶᠢᠵᠤ᠂ ᠶᠡᠷᠦᠩᠬᠡᠢ | ᠱᠦᠵᠢ ᠰᠢ ᠶᠢᠨ ᠫᠢᠩ᠄ ᠥᠪᠥᠷ ᠮᠣᠩᠭᠤᠯ ᠤᠨ ᠠᠮᠢ ᠠᠬᠤᠢ ᠶᠢᠨ ᠪᠠᠶᠢᠳᠠᠯ ᠶᠠᠮᠠᠷ ᠪᠠᠶᠢᠬᠤ ᠨᠢ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ | ᠣᠷᠣᠰᠢᠨ ᠲᠣᠭᠲᠠᠨᠢᠯ ᠪᠠ ᠬᠥᠭᠵᠢᠯᠲᠡ ᠳᠤ ᠬᠤᠯᠪᠣᠭᠳᠠᠬᠤ ᠪᠠᠷ ᠪᠠᠷᠠᠬᠤ ᠦᠭᠡᠢ᠂ ᠤᠮᠠᠷᠠᠲᠤ ᠣᠷᠣᠨ᠂ ᠵᠡᠭᠦᠨ ᠬᠤᠶᠢᠲᠤ ᠣᠷᠣᠨ᠂ ᠪᠠᠷᠠᠭᠤᠨ ᠬᠤᠶᠢᠲᠤ ᠣᠷᠣᠨ | ᠴᠢᠨᠠᠭᠰᠢᠯᠠᠭᠠᠳ ᠪᠦᠬᠦ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠳᠤ ᠬᠤᠯᠪᠣᠭᠳᠠᠵᠤ ᠪᠠᠶᠢᠨ᠎ᠠ ᠭᠡᠵᠦ ᠵᠢᠭᠠᠵᠤ ᠭᠠᠷᠭᠠᠪᠠ᠃ ᠡᠶᠢᠮᠦ ᠠᠴᠠ ᠮᠠᠨ ᠤ ᠣᠷᠣᠨ ᠤ | ᠠᠮᠢ ᠠᠬᠤᠢ ᠨᠢ ᠪᠦᠬᠦ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠳᠤ ᠬᠤᠯᠪᠣᠭᠳᠠᠵᠤ᠂ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠠᠮᠢ | ᠠᠬᠤᠢ ᠶᠢᠨ ᠴᠢᠬᠤᠯᠠ ᠠᠮᠤᠷ ᠲᠦᠪᠰᠢᠨ ᠤ ᠬᠠᠯᠬᠠᠪᠴᠢ ᠪᠣᠯᠭᠠᠨ ᠪᠦᠲᠦᠭᠡᠨ ᠪᠠᠶᠢᠭᠤᠯᠬᠤ ᠪᠣᠯ᠂ ᠪᠦᠬᠦ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠰᠠᠭᠤᠷᠢᠯᠠᠨ | ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ᠂ ᠮᠥᠨ ᠴᠤ ᠥᠪᠥᠷ ᠮᠣᠩᠭᠤᠯ ᠤᠨ ᠡᠷᠬᠡᠪᠰᠢ ᠤᠬᠠᠮᠰᠠᠷ ᠠᠴᠠ ᠪᠠᠨ ᠡᠭᠦᠷᠭᠡᠯᠡᠬᠦ ᠴᠢᠬᠤᠯᠠ ᠶᠡᠭᠡ | ᠬᠠᠷᠢᠭᠤᠴᠠᠯᠭ᠎ᠠ ᠪᠣᠯᠣᠨ᠎ᠠ᠃ ᠡᠭᠦᠨ ᠠᠴᠠ ᠦᠵᠡᠪᠡᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠪᠠᠶᠢᠭᠤᠯᠤᠯᠲᠠ ᠶᠢᠨ ᠠᠴᠢ | ᠬᠤᠯᠪᠣᠭᠳᠠᠯ ᠨᠢ ᠲᠤᠶᠢᠯ ᠤᠨ ᠶᠡᠭᠡ ᠪᠠᠶᠢᠳᠠᠭ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠪᠠᠶᠢᠭᠤᠯᠤᠯᠲᠠ ᠶᠢᠨ ᠰᠡᠳᠬᠢᠮᠵᠢ ᠶᠢ ᠶᠡᠷᠦᠩᠬᠡᠢ ᠳᠤ ᠨᠢ ᠠᠪᠴᠤ ᠬᠡᠯᠡᠪᠡᠯ ᠶᠡᠷᠦᠩᠬᠡᠢ | ᠱᠦᠵᠢ ᠰᠢ ᠶᠢᠨ ᠫᠢᠩ ᠤᠨ ᠴᠢᠬᠤᠯᠠᠴᠢᠯᠠᠭᠰᠠᠨ ︽ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠡᠷᠴᠢᠮ ᠢ ᠴᠢᠩᠭᠠᠷᠠᠭᠤᠯᠬᠤ ᠬᠡᠷᠡᠭᠲᠡᠢ᠂ ᠥᠪᠥᠷ ᠮᠣᠩᠭᠤᠯ ᠳᠤ ᠣᠢ | ᠰᠢᠭᠤᠢ᠂ ᠨᠤᠲᠤᠭ ᠪᠡᠯᠴᠢᠭᠡᠷ᠂ ᠨᠣᠶᠢᠲᠠᠨ ᠭᠠᠵᠠᠷ᠂ ᠭᠤᠣᠯ ᠮᠥᠷᠡᠨ᠂ ᠨᠠᠭᠤᠷ ᠴᠥᠭᠦᠷᠥᠮ᠂ ᠡᠯᠡᠰᠦ ᠮᠠᠩᠬ᠎ᠠ ᠵᠡᠷᠭᠡ ᠣᠯᠠᠨ ᠵᠦᠢᠯ ᠤᠨ ᠪᠠᠶᠢᠭᠠᠯᠢ ᠶᠢᠨ ᠲᠥᠯᠥᠪ | ᠪᠠᠶᠢᠳᠠᠯ ᠪᠠᠶᠢᠵᠤ᠂ ᠨᠢᠭᠡᠨ ᠤᠷᠲᠤ ᠬᠤᠭᠤᠴᠠᠭ᠎ᠠ ᠪᠠᠷ ᠪᠦᠷᠢᠯᠳᠦᠭᠰᠡᠨ ᠶᠡᠷᠦᠩᠬᠡᠶᠢᠯᠡᠭᠰᠡᠨ ᠴᠢᠨᠠᠷᠲᠠᠢ ᠠᠮᠢ ᠠᠬᠤᠢ ᠶᠢᠨ ᠰᠢᠰᠲ᠋ᠧᠮ ᠪᠣᠯᠬᠤᠷ᠂ ᠠᠮᠢ ᠠᠬᠤᠢ ᠶᠢ | ᠬᠠᠮᠠᠭᠠᠯᠠᠬᠤ ᠪᠠ ᠵᠠᠰᠠᠨ ᠰᠡᠷᠭᠦᠭᠡᠬᠦ ᠳᠤ ᠡᠷᠬᠡᠪᠰᠢ ᠶᠡᠷᠦᠩᠬᠡᠶᠢᠯᠡᠨ ᠵᠠᠰᠠᠯᠲᠠ ᠬᠢᠬᠦ ᠬᠡᠷᠡᠭᠲᠡᠢ᠃ ᠨᠤᠲᠤᠭ ᠪᠡᠯᠴᠢᠭᠡᠷ᠂ ᠣᠢ ᠰᠢᠭᠤᠢ ᠶᠢ ᠬᠠᠮᠠᠭᠠᠯᠠᠬᠤ ᠪᠣᠯ ᠥᠪᠥᠷ 365赢多少钱会被限额_国内有真正的365平台吗_365bet博彩官网 | ᠮᠣᠩᠭᠤᠯ ᠤᠨ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠶᠢᠨ ᠲᠡᠷᠢᠭᠦᠨ ᠴᠢᠬᠤᠯᠠ ᠡᠭᠦᠷᠭᠡ ᠪᠣᠯᠣᠨ᠎ᠠ᠃ ᠡᠷᠬᠡᠪᠰᠢ ᠠᠮᠢ ᠠᠬᠤᠢ ᠶᠢᠨ ᠰᠢᠰᠲ᠋ᠧᠮ ᠤᠨ | ᠳᠣᠲᠣᠭᠠᠳᠤ ᠶᠢᠨ ᠵᠦᠢ ᠲᠣᠭᠲᠠᠯ ᠪᠠ ᠵᠢᠮ᠎ᠡ ᠶᠣᠰᠣ ᠶᠢ ᠵᠢᠷᠤᠮᠯᠠᠨ᠂ ᠪᠠᠶᠢᠭᠠᠯᠢ ᠶᠢ ᠰᠡᠷᠭᠦᠭᠡᠬᠦ ᠪᠠᠷ ᠭᠤᠣᠯ ᠪᠣᠯᠭᠠᠬᠤ ᠴᠢᠭᠯᠡᠯᠲᠡ ᠶᠢ ᠪᠠᠷᠢᠮᠲᠠᠯᠠᠵᠤ᠂ ᠭᠠᠵᠠᠷ ᠣᠷᠣᠨ ᠤ | ᠪᠠᠶᠢᠳᠠᠯ ᠳᠤ ᠨᠢ ᠲᠣᠬᠢᠷᠠᠭᠤᠯᠤᠨ᠂ ᠲᠥᠷᠥᠯ ᠬᠤᠪᠢᠶᠠᠨ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ ᠴᠢᠭᠯᠡᠯᠲᠦ ᠴᠢᠨᠠᠷ᠂ ᠰᠢᠰᠲ᠋ᠧᠮᠴᠢ ᠴᠢᠨᠠᠷ᠂ ᠤᠷᠲᠤ ᠬᠤᠭᠤᠴᠠᠭᠠᠲᠤ | ᠴᠢᠨᠠᠷ ᠢ ᠴᠢᠩᠭᠠᠷᠠᠭᠤᠯᠬᠤ ᠬᠡᠷᠡᠭᠲᠡᠢ︾ ᠭᠡᠬᠦ ᠵᠢᠭᠠᠪᠤᠷᠢ ᠶᠢ ᠲᠤᠭᠤᠰᠢᠯᠠᠭᠤᠯᠬᠤ ᠬᠡᠷᠡᠭᠲᠡᠢ᠃ | ᠳ᠋ᠦᠩ ᠱᠦ ᠬᠤᠸᠠ᠄ | ᠪᠣᠳᠠᠲᠠᠢ ᠪᠠᠷ ᠬᠡᠯᠡᠪᠡᠯ᠂ ᠮᠠᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠰᠡᠳᠬᠢᠮᠵᠢ ᠪᠣᠯ᠄ ︵1︶ ᠰᠢ ᠶᠢᠨ ᠫᠢᠩ ᠤᠨ ᠠᠮᠢ ᠠᠬᠤᠢ ᠶᠢᠨ | ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠪᠣᠳᠠᠲᠠᠢ ᠪᠠᠷ ᠬᠡᠷᠡᠭᠯᠡᠨ᠎ᠡ︔ ︵2︶ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ | ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠢᠮᠠᠭᠲᠠ ᠪᠠᠲᠤᠯᠠᠨ᠎ᠠ︔ ︵3︶ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠡᠷᠴᠢᠮ ᠢ ᠦᠨᠡᠨ ᠬᠦ | ᠴᠢᠩᠭᠠᠷᠠᠭᠤᠯᠤᠨ — ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠪᠠ ᠵᠠᠰᠠᠨ ᠰᠡᠷᠭᠦᠭᠡᠯᠲᠡ ᠶᠢ ᠴᠢᠩᠭᠠᠳᠬᠠᠵᠤ᠂ ᠦᠨᠳᠦᠰᠦᠨ ᠨᠤᠲᠤᠭ ᠪᠡᠯᠴᠢᠭᠡᠷ ᠢ | ᠬᠠᠮᠠᠭᠠᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠮᠠᠯᠵᠢᠬᠤ ᠶᠢ ᠵᠣᠭᠰᠣᠭᠠᠵᠤ ᠪᠡᠯᠴᠢᠭᠡᠷ ᠢ ᠰᠡᠯᠭᠦᠬᠦ ᠪᠠ ᠪᠡᠯᠴᠢᠭᠡᠷ ᠮᠠᠯ ᠢ ᠲᠡᠩᠴᠡᠭᠦᠷᠢᠰᠢᠭᠦᠯᠬᠦ ᠳᠦᠷᠢᠮ ᠢ | ᠴᠢᠩᠭ᠎ᠠ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠦᠢᠯᠡᠳᠪᠦᠷᠢᠯᠡᠯ ᠬᠢᠭᠡᠳ ᠠᠮᠢ ᠠᠬᠤᠢ ᠶᠢᠨ ᠴᠢᠳᠠᠮᠵᠢ ᠶᠢ ᠨᠢᠭᠡᠳᠦᠯᠲᠡᠢ ᠲᠥᠯᠥᠪᠯᠡᠨ᠂ ᠪᠡᠯᠴᠢᠭᠡᠷ ᠤᠨ | ᠳᠠᠭᠠᠭᠠᠴᠠ ᠶᠢ ᠰᠢᠨᠵᠢᠯᠡᠬᠦ ᠤᠬᠠᠭᠠᠨᠴᠢ ᠪᠠᠷ ᠬᠠᠷᠭᠤᠭᠤᠯᠤᠨ ᠲᠣᠭᠲᠠᠭᠠᠵᠤ᠂ ᠬᠠᠷᠭᠤᠭᠤᠯᠤᠨ ᠪᠠᠶᠢᠴᠠᠭᠠᠵᠤ ᠬᠢᠨᠠᠨ ᠬᠠᠮᠢᠶᠠᠷᠬᠤ ᠶᠢ ᠴᠢᠩᠭᠠᠷᠠᠭᠤᠯᠤᠨ᠎ᠠ︔ ᠡᠷᠡᠭᠦᠯ | ᠲᠣᠭᠲᠠᠭᠤᠨ ᠴᠢᠨᠠᠷ ᠰᠢᠯᠢᠳᠡᠭ ᠪᠦᠲᠦᠮᠵᠢᠲᠡᠢ ᠣᠢ ᠰᠢᠭᠤᠢ ᠶᠢᠨ ᠰᠢᠰᠲ᠋ᠧᠮ ᠢ ᠪᠠᠶᠢᠭᠤᠯᠤᠨ᠂ ᠶᠡᠭᠡ ᠬᠡᠪᠴᠢᠶᠡᠵᠢᠯ ᠲᠠᠢ ᠤᠯᠤᠰ ᠤᠨ ᠭᠠᠵᠠᠷ ᠰᠢᠷᠣᠢ ᠶᠢᠨ | ᠨᠣᠭᠤᠭᠠᠷᠠᠭᠤᠯᠤᠯᠲᠠ ᠶᠢ ᠠᠬᠢᠭᠤᠯᠵᠤ᠂ ᠪᠠᠶᠢᠭᠠᠯᠢ ᠶᠢᠨ ᠣᠢ᠂ ︽ᠭᠤᠷᠪᠠᠨ ᠤᠮᠠᠷᠠᠲᠤ︾ ᠶᠢᠨ ᠰᠡᠷᠭᠡᠶᠢᠯᠡᠯᠲᠡ ᠶᠢᠨ ᠣᠢ ᠵᠡᠷᠭᠡ ᠣᠢ ᠰᠢᠭᠤᠢ ᠶᠢᠨ ᠦᠢᠯᠡᠰ ᠤᠨ | ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠬᠡᠷᠡᠭᠵᠢᠭᠦᠯᠦᠨ ᠣᠢ ᠰᠢᠭᠤᠢ ᠶᠢᠨ ᠬᠦᠢ ᠶᠢᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ︔ | ᠭᠠᠵᠠᠷ ᠰᠢᠷᠣᠢ ᠶᠢᠨ ᠴᠥᠯᠡᠷᠬᠡᠭᠵᠢᠯᠲᠡ ᠡᠯᠡᠰᠦᠷᠬᠡᠭᠵᠢᠯᠲᠡ ᠶᠢ ᠰᠡᠷᠭᠡᠶᠢᠯᠡᠨ ᠵᠠᠰᠠᠬᠤ ᠡᠷᠴᠢᠮ ᠢ ᠴᠢᠩᠭᠠᠷᠠᠭᠤᠯᠤᠨ᠂ ᠪᠡᠭᠡᠵᠢᠩ ᠲᠢᠶᠠᠨᠵᠢᠨ ᠤ ᠰᠠᠯᠬᠢ ᠡᠯᠡᠰᠦ ᠶᠢᠨ ᠡᠬᠢ | ᠰᠤᠷᠪᠤᠯᠵᠢ ᠶᠢ ᠵᠠᠰᠠᠬᠤ ᠢᠨᠵᠧᠨᠧᠷᠢᠩ ᠢ ᠤᠯᠠᠮ ᠨᠢᠭᠡ ᠠᠯᠬᠤᠮ ᠬᠡᠷᠡᠭᠵᠢᠭᠦᠯᠵᠦ᠂ ᠡᠯᠡᠰᠦᠨ ᠴᠥᠯ ᠤᠨ ᠬᠥᠪᠡᠭᠡ ᠬᠢᠵᠠᠭᠠᠷ ᠤᠨ ᠣᠷᠣᠨ ᠪᠦᠰᠡ ᠶᠢᠨ ︽ᠬᠥᠪᠡᠭᠡ ᠶᠢ | ᠪᠢᠲᠡᠭᠦᠮᠵᠢᠯᠡᠬᠦ ᠣᠢ︾ ᠶᠢᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ︵4︶ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠰᠢᠰᠲ᠋ᠧᠮᠵᠢ ᠶᠢ | ᠬᠦᠴᠦᠯᠡᠨ ᠪᠠᠶᠢᠭᠤᠯᠤᠨ᠎ᠠ︔ ᠣᠢ ᠰᠢᠭᠤᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠮᠴᠢᠯᠡᠬᠦ ᠡᠷᠬᠡ ᠶᠢᠨ ᠳᠦᠷᠢᠮ ᠢ ᠲᠡᠭᠦᠯᠳᠡᠷᠵᠢᠭᠦᠯᠦᠨ᠎ᠡ︔ ᠠᠮᠢ ᠠᠬᠤᠢ ᠶᠢᠨ | ᠬᠠᠮᠠᠭᠠᠯᠠᠯᠲᠠ ᠶᠢᠨ ᠨᠥᠬᠦᠪᠦᠷᠢ ᠥᠭᠬᠦ ᠳᠦᠷᠢᠮ ᠢ ᠨᠠᠶᠢᠳᠠᠪᠤᠷᠢᠵᠢᠭᠤᠯᠤᠨ᠂ ᠣᠢ ᠰᠢᠭᠤᠢ᠂ ᠨᠤᠲᠤᠭ ᠪᠡᠯᠴᠢᠭᠡᠷ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠭᠭᠠᠨ ᠤ ᠠᠮᠢ | ᠠᠬᠤᠢ ᠶᠢᠨ ᠨᠥᠬᠦᠪᠦᠷᠢ ᠶᠢ ᠪᠦᠬᠦᠨ ᠢ ᠬᠠᠮᠤᠷᠤᠭᠤᠯᠬᠤ ᠶᠢ ᠠᠬᠢᠭᠤᠯᠤᠨ᠎ᠠ︔ ᠪᠣᠬᠢᠷᠲᠤᠯ ᠦᠭᠡᠢ ᠬᠥᠭᠵᠢᠯᠲᠡ ᠶᠢᠨ ᠭᠦᠢᠴᠡᠳᠬᠡᠯ ᠲᠣᠭᠠᠨ ᠤ ᠰᠢᠰᠲ᠋ᠧᠮᠵᠢ ᠶᠢ | ᠲᠡᠭᠦᠯᠳᠡᠷᠵᠢᠭᠦᠯᠦᠨ᠂ ᠰᠢᠯᠭᠠᠨ ᠬᠢᠨᠠᠵᠤ ᠦᠨᠡᠯᠡᠯᠲᠡ ᠬᠢᠬᠦ ᠰᠢᠰᠲ᠋ᠧᠮᠵᠢ ᠶᠢ ᠪᠦᠷᠢᠨᠰᠢᠭᠦᠯᠵᠦ᠂ ᠣᠢ ᠰᠢᠭᠤᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠷᠢᠲᠦᠯ ᠤᠨ | ᠬᠦᠰᠦᠨᠦᠭ ᠢ ᠨᠠᠶᠢᠷᠠᠭᠤᠯᠤᠨ ᠵᠣᠬᠢᠶᠠᠬᠤ ᠠᠵᠢᠯ ᠢ ᠦᠷᠭᠦᠯᠵᠢᠯᠡᠨ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠪᠡᠯ ᠨᠠᠰᠤᠨ ᠲᠤᠷᠰᠢᠲᠠ | ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠲᠡᠭᠦᠯᠳᠡᠷᠵᠢᠭᠦᠯᠦᠨ᠎ᠡ᠂ ᠡᠨᠡ ᠨᠢ ᠪᠢᠳᠡᠨ ᠢ ᠡᠬᠢ ᠢᠷᠡᠯᠲᠡ ᠠᠴᠠ ᠨᠢ ᠬᠠᠮᠢᠶᠠᠷᠤᠨ ᠡᠵᠡᠮᠳᠡᠵᠦ᠂ ᠡᠪᠳᠡᠨ ᠬᠤᠬᠢᠷᠠᠭᠤᠯᠪᠠᠯ | ᠲᠥᠯᠥᠪᠦᠷᠢ ᠠᠪᠴᠤ᠂ ᠬᠠᠷᠢᠭᠤᠴᠠᠯᠭ᠎ᠠ ᠨᠡᠬᠡᠮᠵᠢᠯᠡᠬᠦ ᠶᠢ ᠱᠠᠭᠠᠷᠳᠠᠵᠤ ᠪᠠᠶᠢᠨ᠎ᠠ᠃ ︵5︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ︔ | ᠦᠵᠡᠯ ᠰᠠᠨᠠᠭᠠᠨ ᠤ ᠵᠡᠪᠰᠡᠭᠯᠡᠯ ᠢ ᠴᠢᠩᠭᠠᠷᠠᠭᠤᠯᠤᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠵᠤ᠂ ᠲᠥᠯᠥᠪᠵᠢᠭᠦᠯᠵᠦ ᠬᠥᠲᠥᠯᠥᠨ ᠳᠠᠭᠠᠭᠤᠯᠬᠤ ᠶᠢ | ᠴᠢᠩᠭᠠᠷᠠᠭᠤᠯᠤᠨ᠎ᠠ᠃ | ᠬᠥᠲᠥᠯᠥᠭᠴᠢ᠄ | 2018 ᠣᠨ ᠪᠣᠯ ︽ᠭᠤᠷᠪᠠᠨ ᠤᠮᠠᠷᠠᠲᠤ︾ ᠶᠢᠨ ᠰᠡᠷᠭᠡᠶᠢᠯᠡᠯᠲᠡ ᠶᠢᠨ ᠣᠢ ᠶᠢᠨ ᠪᠠᠶᠢᠭᠤᠯᠤᠯᠲᠠ ᠶᠢᠨ 40 ᠵᠢᠯ ᠤᠨ ᠣᠢ ᠪᠠᠶᠢᠵᠤ᠂ ᠮᠠᠨ ᠤ ᠣᠷᠣᠨ ᠤ ︽ | ᠭᠤᠷᠪᠠᠨ ᠤᠮᠠᠷᠠᠲᠤ︾ ᠶᠢᠨ ᠰᠡᠷᠭᠡᠶᠢᠯᠡᠯᠲᠡ ᠶᠢᠨ ᠣᠢ ᠶᠢᠨ ᠪᠠᠶᠢᠭᠤᠯᠤᠯᠲᠠ ᠳᠤ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠪᠣᠢ︖ | ᠳ᠋ᠦᠩ ᠱᠦ ᠬᠤᠸᠠ᠄ | 40 ᠵᠢᠯ ᠤᠨ ᠡᠮᠦᠨ᠎ᠡ᠂ ᠭᠤᠷᠪᠠᠨ ᠤᠮᠠᠷᠠᠲᠤ ᠶᠢᠨ ᠭᠠᠵᠠᠷ ᠣᠷᠣᠨ ᠤ ᠪᠠᠶᠢᠭᠠᠯᠢ ᠠᠵᠤ ᠠᠬᠤᠢ ᠶᠢᠨ ᠳᠦᠷᠰᠦ ᠪᠠᠶᠢᠳᠠᠯ ᠢ ᠬᠤᠪᠢᠷᠠᠭᠤᠯᠤᠨ᠂ ᠳᠤᠮᠳᠠᠳᠤ ᠶᠢᠨ | ᠦᠨᠳᠦᠰᠦᠲᠡᠨ ᠤ ᠦᠷᠭᠦᠯᠵᠢᠳᠡ ᠶᠢᠨ ᠬᠥᠭᠵᠢᠯᠲᠡ ᠶᠢᠨ ᠲᠤᠰᠠᠳᠠ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠡᠦᠬᠡᠨ | ᠬᠠᠭᠤᠳᠠᠰᠤᠨ ᠳᠤ ᠥᠨᠢᠳᠡ ᠭᠢᠯᠠᠯᠵᠠᠭᠰᠠᠨ ᠨᠢᠭᠡᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ —— ᠭᠤᠷᠪᠠᠨ ᠤᠮᠠᠷᠠᠲᠤ ᠶᠢᠨ ᠰᠡᠷᠭᠡᠶᠢᠯᠡᠯᠲᠡ ᠶᠢᠨ ᠣᠢ ᠶᠢᠨ | ᠰᠢᠰᠲ᠋ᠧᠮᠵᠢ ᠶᠢᠨ ᠢᠨᠵᠧᠨᠧᠷᠢᠩ ᠢ ᠪᠠᠶᠢᠭᠤᠯᠬᠤ ᠰᠢᠢᠳᠪᠦᠷᠢᠲᠦ ᠪᠣᠳᠣᠯᠭ᠎ᠠ ᠶᠢ ᠲᠣᠭᠲᠠᠭᠠᠪᠠ᠃ ᠣᠳᠣ ᠦᠶ᠎ᠡ ᠶᠢᠨ ᠬᠥᠮᠥᠨ ᠲᠥᠷᠥᠯᠬᠢᠲᠡᠨ ᠤ ᠬᠠᠮᠤᠭ ᠤᠨ ᠠᠤᠭ᠎ᠠ | ᠶᠡᠭᠡ ᠠᠮᠢ ᠠᠬᠤᠢ ᠶᠢᠨ ᠲᠤᠤᠯᠢᠰ ᠨᠢ ᠡᠭᠦᠨ ᠠᠴᠠ ᠡᠬᠢᠯᠡᠵᠦ ᠬᠥᠰᠢᠭᠡ ᠪᠠᠨ ᠰᠡᠬᠦᠪᠡ᠃ ᠡᠨᠡ ᠬᠦ ᠵᠦᠢᠯ ᠤᠨ ᠢᠨᠵᠧᠨᠧᠷᠢᠩ ᠨᠢ 1978 ᠣᠨ ᠠᠴᠠ ᠡᠬᠢᠯᠡᠵᠦ | 2050 ᠣᠨ ᠪᠣᠯᠲᠠᠯ᠎ᠠ ᠶᠠᠪᠤᠭᠳᠠᠵᠤ᠂ 73 ᠵᠢᠯ ᠦᠷᠭᠦᠯᠵᠢᠯᠡᠨ᠎ᠡ᠃ ᠪᠠᠶᠢᠭᠤᠯᠤᠯᠲᠠ ᠶᠢᠨ ᠬᠡᠪᠴᠢᠶ᠎ᠡ ᠨᠢ ᠵᠡᠭᠦᠨᠰᠢ ᠬᠠᠷᠠᠮᠥ᠋ᠷᠡᠨ ᠠᠴᠠ ᠪᠠᠷᠠᠭᠤᠨᠰᠢ ᠰᠢᠨᠵᠢᠶᠠᠩ | ᠬᠦᠷᠴᠦ᠂ ᠪᠦᠬᠦ ᠤᠷᠲᠤ ᠨᠢ 8000 ᠺᠢᠯᠣᠮᠧᠲᠷ ᠪᠠᠶᠢᠵᠤ᠂ ᠵᠡᠭᠦᠨ ᠬᠤᠶᠢᠲᠤ ᠣᠷᠣᠨ᠂ ᠤᠮᠠᠷᠠᠲᠤ ᠣᠷᠣᠨ᠂ ᠪᠠᠷᠠᠭᠤᠨ ᠬᠤᠶᠢᠲᠤ ᠣᠷᠣᠨ ᠢ ᠠᠯᠤᠰᠯᠠᠵᠤ᠂ | ᠤᠯᠤᠰ ᠤᠨ ᠭᠠᠵᠠᠷ ᠰᠢᠷᠣᠢ ᠶᠢᠨ ᠶᠡᠷᠦᠩᠬᠡᠢ ᠲᠠᠯᠠᠪᠠᠢ ᠶᠢᠨ 42.4% ᠶᠢ ᠡᠵᠡᠯᠡᠵᠦ ᠪᠠᠶᠢᠨ᠎ᠠ᠃ ᠪᠠᠶᠢᠭᠤᠯᠤᠯᠲᠠ ᠶᠢᠨ ᠬᠡᠪᠴᠢᠶ᠎ᠡ ᠨᠢ ︽ᠭᠤᠷᠪᠠᠨ ᠤᠮᠠᠷᠠᠲᠤ︾ ᠶᠢᠨ | ᠭᠠᠵᠠᠷ ᠣᠷᠣᠨ ᠤ 13 ᠮᠤᠵᠢ᠂ 551 ᠰᠢᠶᠠᠨ ᠢ ᠬᠠᠮᠤᠷᠴᠤ᠂ ᠮᠠᠨ ᠤ ᠣᠷᠣᠨ ᠤ 86 ᠰᠢᠶᠠᠨ ᠳᠤ ᠬᠤᠯᠪᠣᠭᠳᠠᠨ᠎ᠠ᠃ ᠲᠡᠭᠦᠨ ᠤ ᠪᠠᠶᠢᠭᠤᠯᠤᠯᠲᠠ ᠶᠢᠨ ᠬᠡᠪᠴᠢᠶ᠎ᠡ ᠨᠢ | ᠥᠷᠭᠡᠨ᠂ ᠬᠡᠪᠴᠢᠶᠡᠵᠢᠯ ᠨᠢ ᠶᠡᠭᠡ᠂ ᠬᠡᠷᠡᠭᠰᠡᠬᠦ ᠴᠠᠭ ᠨᠢ ᠤᠷᠲᠤ ᠪᠠᠷ ᠢᠶᠠᠨ ᠳᠡᠯᠡᠬᠡᠢ ᠶᠢᠨ ᠠᠮᠢ ᠠᠬᠤᠢ ᠶᠢᠨ ᠢᠨᠵᠧᠨᠧᠷᠢᠩ ᠤᠨ ᠬᠠᠮᠤᠭ ᠢ ᠡᠭᠦᠳᠪᠡ᠃ ᠡᠨᠡ ᠬᠦ | ᠵᠤᠷᠪᠤᠰ ︽ᠨᠣᠭᠤᠭᠠᠨ ᠥᠩᠭᠡᠲᠦ ᠤᠷᠲᠤ ᠴᠠᠭᠠᠨ ᠬᠡᠷᠡᠮ︾ ᠬᠢᠭᠡᠳ ᠡᠷᠲᠡᠨ ᠤ ᠤᠷᠲᠤ ᠴᠠᠭᠠᠨ ᠬᠡᠷᠡᠮ ᠨᠢ ᠬᠠᠮᠲᠤ ᠪᠠᠷ ᠡᠨᠡ ᠬᠦ ᠬᠡᠰᠡᠭ ᠭᠠᠵᠠᠷ ᠨᠤᠲᠤᠭ ᠤᠨ ᠲᠡᠦᠬᠡ | ᠪᠠ ᠢᠷᠡᠭᠡᠳᠦᠢ ᠶᠢ ᠬᠤᠯᠪᠣᠵᠤ᠂ ᠳᠤᠮᠳᠠᠳᠤ ᠶᠢᠨ ᠦᠨᠳᠦᠰᠦᠲᠡᠨ ᠤ ᠲᠡᠮᠡᠴᠡᠯ ᠬᠢᠭᠡᠳ ᠬᠦᠰᠡᠯ ᠵᠡᠭᠦᠳᠦ ᠶᠢ ᠭᠡᠷᠡᠴᠢᠯᠡᠵᠦ ᠪᠠᠶᠢᠨ᠎ᠠ᠃ | ᠮᠠᠨ ᠤ ᠣᠷᠣᠨ ᠤ ︽ᠭᠤᠷᠪᠠᠨ ᠤᠮᠠᠷᠠᠲᠤ︾ ᠶᠢᠨ ᠰᠡᠷᠭᠡᠶᠢᠯᠡᠯᠲᠡ ᠶᠢᠨ ᠣᠢ ᠶᠢᠨ ᠪᠠᠶᠢᠭᠤᠯᠤᠯᠲᠠ ᠳᠤ ᠣᠯᠣᠭᠰᠠᠨ ᠦᠷ᠎ᠡ ᠪᠦᠲᠦᠮᠵᠢ᠄ 2018 ᠣᠨ ᠤ | ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠡᠶᠡᠯᠡᠭᠦᠯᠦᠭᠰᠡᠨ ︽ᠭᠤᠷᠪᠠᠨ ᠤᠮᠠᠷᠠᠲᠤ ᠶᠢᠨ ᠰᠡᠷᠭᠡᠶᠢᠯᠡᠯᠲᠡ ᠶᠢᠨ ᠣᠢ ᠶᠢᠨ ᠰᠢᠰᠲ᠋ᠧᠮᠵᠢ ᠶᠢᠨ | ᠪᠠᠶᠢᠭᠤᠯᠤᠯᠲᠠ ᠶᠢᠨ 40 ᠵᠢᠯ ᠤᠨ ᠶᠡᠷᠦᠩᠬᠡᠶᠢᠯᠡᠭᠰᠡᠨ ᠦᠨᠡᠯᠡᠯᠲᠡ ᠶᠢᠨ ᠮᠡᠳᠡᠭᠦᠯᠦᠯᠲᠡ︾ ᠶᠢ ᠦᠨᠳᠦᠰᠦᠯᠡᠪᠡᠯ᠂ ᠭᠤᠷᠪᠠᠨ ᠤᠮᠠᠷᠠᠲᠤ ᠶᠢᠨ ᠢᠨᠵᠧᠨᠧᠷᠢᠩ ᠤᠨ | ᠪᠠᠶᠢᠭᠤᠯᠤᠯᠲᠠ ᠬᠢᠭᠰᠡᠨ 40 ᠵᠢᠯ ᠳᠤ ᠨᠡᠶᠢᠲᠡ 3014 ᠳ᠋ᠦᠩᠰᠢᠭᠤᠷ ᠾᠧᠺᠲ᠋ᠠᠷ ︵45210 ᠲᠦᠮᠡᠨ ᠮᠦ︶ ᠣᠶᠢᠵᠢᠭᠤᠯᠤᠯᠲᠠ ᠬᠢᠵᠦ ᠬᠠᠳᠠᠭᠠᠯᠠᠬᠤ ᠶᠢ | ᠪᠡᠶᠡᠯᠡᠭᠦᠯᠵᠦ᠂ ᠲᠡᠭᠦᠨ ᠤ ᠳᠣᠲᠣᠷ᠎ᠠ ᠮᠠᠨ ᠤ ᠣᠷᠣᠨ ᠨᠡᠶᠢᠲᠡ ᠭᠤᠷᠪᠠᠨ ᠤᠮᠠᠷᠠᠲᠤ ᠶᠢᠨ ᠰᠡᠷᠭᠡᠶᠢᠯᠡᠯᠲᠡ ᠶᠢᠨ ᠣᠢ ᠶᠢᠨ ᠪᠠᠶᠢᠭᠤᠯᠤᠯᠲᠠ ᠶᠢᠨ ᠡᠭᠦᠷᠭᠡ ᠶᠢ 11548 | ᠲᠦᠮᠡᠨ ᠮᠦ ᠪᠡᠶᠡᠯᠡᠭᠦᠯᠵᠦ᠂ ᠤᠯᠤᠰ ᠤᠨ ᠪᠠᠶᠢᠭᠤᠯᠤᠯᠲᠠ ᠶᠢᠨ ᠡᠭᠦᠷᠭᠡ ᠶᠢᠨ 25.1% ᠶᠢ ᠡᠵᠡᠯᠡᠨ᠂ ︽ᠭᠤᠷᠪᠠᠨ ᠤᠮᠠᠷᠠᠲᠤ︾ ᠶᠢᠨ 13 ᠮᠤᠵᠢ ᠣᠷᠣᠨ ᠤ | ᠲᠡᠷᠢᠭᠦᠨ ᠪᠠᠶᠢᠷᠢ ᠳᠤ ᠣᠷᠣᠪᠠ᠃ ᠮᠠᠨ ᠤ ᠣᠷᠣᠨ ᠳᠤ 40 ᠵᠢᠯ ᠤᠨ ᠲᠤᠷᠰᠢ᠂ ᠲᠦᠭ ᠲᠦᠮᠡᠨ ᠠᠷᠠᠳ ᠲᠦᠮᠡᠨ ᠬᠦᠴᠦ ᠵᠠᠯᠭᠠᠨ ᠲᠡᠮᠡᠴᠡᠵᠦ᠂ ᠬᠡᠳᠦᠨ ᠦᠶ᠎ᠡ ᠶᠢᠨ | ᠬᠥᠮᠥᠰ ᠴᠥᠬᠦᠷᠡᠰᠢ ᠦᠭᠡᠢ ᠴᠢᠷᠮᠠᠶᠢᠨ ᠠᠵᠢᠯᠯᠠᠭᠰᠠᠨ ᠠᠴᠠ᠂ ᠭᠤᠷᠪᠠᠨ ᠤᠮᠠᠷᠠᠲᠤ ᠶᠢᠨ ᠢᠨᠵᠧᠨᠧᠷᠢᠩ ᠨᠢ ᠬᠥᠮᠥᠰ ᠤᠨ ᠠᠩᠬᠠᠷᠤᠯ ᠢ ᠲᠠᠲᠠᠭᠰᠠᠨ ᠪᠠᠶᠢᠭᠤᠯᠤᠯᠲᠠ ᠶᠢᠨ | ᠦᠷ᠎ᠡ ᠪᠦᠲᠦᠮᠵᠢ ᠶᠢ ᠣᠯᠵᠤ᠂ ᠮᠠᠨ ᠤ ᠤᠯᠤᠰ ᠤᠨ ᠤᠮᠠᠷᠠᠲᠤ ᠬᠢᠵᠠᠭᠠᠷ ᠲᠤ ᠰᠠᠯᠬᠢ ᠡᠯᠡᠰᠦ ᠶᠢ ᠬᠤᠷᠢᠭᠯᠠᠨ᠂ ᠤᠰᠤ ᠬᠥᠷᠥᠰᠥ ᠶᠢ ᠪᠠᠲᠤᠯᠠᠵᠤ᠂ ᠲᠠᠷᠢᠶᠠᠯᠠᠩ ᠮᠠᠯ | ᠠᠵᠤ ᠠᠬᠤᠢ ᠶᠢ ᠬᠠᠮᠠᠭᠠᠯᠠᠭᠰᠠᠨ ᠨᠢᠭᠡᠨ ᠵᠤᠷᠪᠤᠰ ᠨᠣᠭᠤᠭᠠᠨ ᠥᠩᠭᠡᠲᠦ ᠤᠷᠲᠤ ᠴᠠᠭᠠᠨ ᠬᠡᠷᠡᠮ ᠢ ᠴᠣᠭᠴᠠᠯᠠᠨ ᠪᠠᠶᠢᠭᠤᠯᠵᠤ᠂ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠳᠤ ᠠᠮᠵᠢᠯᠲᠠ ᠲᠠᠢ ᠥᠯᠢᠭᠡᠷ ᠵᠢᠱᠢᠶ᠎ᠡ ᠶᠢ ᠪᠣᠢ ᠪᠣᠯᠭᠠᠵᠠᠢ᠃ | ᠬᠥᠲᠥᠯᠥᠭᠴᠢ᠄ | ᠲᠦᠷᠦᠭᠦᠬᠡᠨ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠪᠦᠬᠦ ᠣᠷᠣᠨ ᠤ ᠣᠢ ᠰᠢᠭᠤᠢ ᠨᠤᠲᠤᠭ | ᠪᠡᠯᠴᠢᠭᠡᠷ ᠤᠨ ᠲᠣᠪᠴᠢᠶ᠎ᠠ ᠶᠢᠨ ᠳᠠᠷᠤᠭ᠎ᠠ ᠶᠢᠨ ᠬᠤᠷᠠᠯ ᠢ ᠬᠤᠷᠠᠯᠳᠤᠭᠤᠯᠪᠠ᠃ ᠲᠡᠭᠡᠪᠡᠯ 2019 ᠣᠨ ᠤ ᠣᠶᠢᠵᠢᠭᠤᠯᠤᠨ ᠨᠣᠭᠤᠭᠠᠷᠠᠭᠤᠯᠤᠯᠲᠠ ᠬᠢᠬᠦ ᠭᠤᠣᠯᠳᠠᠯᠭ᠎ᠠ | ᠨᠢ ᠶᠠᠭᠤ ᠪᠣᠢ︖ | ᠳ᠋ᠦᠩ ᠱᠦ ᠬᠤᠸᠠ᠄ | 2019 ᠣᠨ ᠤ ᠣᠶᠢᠵᠢᠭᠤᠯᠤᠨ ᠨᠣᠭᠤᠭᠠᠷᠠᠭᠤᠯᠤᠯᠲᠠ ᠬᠢᠬᠦ ᠭᠤᠣᠯᠳᠠᠯᠭ᠎ᠠ ᠪᠣᠯ᠄ ︵ᠨᠢᠭᠡ︶ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ | ᠰᠠᠨᠠᠭ᠎ᠠ ᠶᠢ ᠭᠦᠨᠵᠡᠭᠡᠢ ᠰᠤᠷᠤᠯᠴᠠᠨ ᠪᠣᠳᠠᠲᠠᠢ ᠪᠠᠷ ᠬᠡᠷᠡᠭᠯᠡᠨ᠎ᠡ᠄ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠦᠵᠡᠯ ᠰᠠᠨᠠᠭᠠᠨ ᠤ ᠲᠠᠨᠢᠯᠲᠠ ᠪᠠᠨ | ᠭᠦᠨᠵᠡᠭᠡᠶᠢᠷᠡᠭᠦᠯᠵᠦ᠂ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠷᠠᠭᠤᠯᠤᠨ᠎ᠠ︔ ︵ᠬᠤᠶᠠᠷ︶ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ | ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠢᠮᠠᠭᠲᠠ ᠪᠠᠲᠤᠯᠠᠨ᠎ᠠ᠄ ︽ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠴᠢᠬᠤᠯᠠ ᠠᠮᠤᠷ ᠲᠦᠪᠰᠢᠨ ᠤ | ᠬᠠᠯᠬᠠᠪᠴᠢ ᠶᠢ ᠪᠠᠶᠢᠭᠤᠯᠤᠨ᠎ᠠ︾ ︽ᠡᠬᠡ ᠤᠯᠤᠰ ᠤᠨ ᠤᠮᠠᠷᠠᠲᠤ ᠬᠢᠵᠠᠭᠠᠷ ᠲᠤ ᠲᠦᠮᠡᠨ ᠭᠠᠵᠠᠷ ᠤᠨ ᠨᠣᠭᠤᠭᠠᠨ ᠥᠩᠭᠡᠲᠦ ᠤᠷᠲᠤ ᠴᠠᠭᠠᠨ ᠬᠡᠷᠡᠮ ᠢ ᠴᠣᠭᠴᠠᠯᠠᠨ | ᠪᠠᠶᠢᠭᠤᠯᠤᠨ᠎ᠠ︾ ᠵᠡᠷᠭᠡ ᠥᠭᠦᠯᠡᠯᠲᠡ ᠶᠢᠨ ᠪᠠᠶᠠᠯᠢᠭ ᠠᠭᠤᠯᠤᠭᠳᠠᠬᠤᠨ ᠢ ᠭᠦᠨᠵᠡᠭᠡᠢ ᠣᠶᠢᠯᠠᠭᠠᠨ ᠡᠵᠡᠮᠳᠡᠨ᠎ᠡ᠃ ︵ᠭᠤᠷᠪᠠ︶ ᠠᠭᠤᠯᠠ ᠤᠰᠤ ᠣᠢ ᠲᠠᠷᠢᠶ᠎ᠠ ᠨᠠᠭᠤᠷ | ᠪᠡᠯᠴᠢᠭᠡᠷ ᠤᠨ ᠰᠢᠰᠲ᠋ᠧᠮ ᠤᠨ ᠵᠠᠰᠠᠯᠲᠠ ᠶᠢ ᠨᠢᠭᠡᠳᠦᠯᠲᠡᠢ ᠲᠥᠯᠥᠪᠯᠡᠨ᠎ᠡ᠄ ︽ᠭᠤᠷᠪᠠᠨ ᠤᠮᠠᠷᠠᠲᠤ︾ ᠶᠢᠨ ᠰᠡᠷᠭᠡᠶᠢᠯᠡᠯᠲᠡ ᠶᠢᠨ ᠣᠢ ᠶᠢᠨ ᠰᠢᠰᠲ᠋ᠧᠮᠵᠢ ᠶᠢ ᠪᠠᠶᠢᠭᠤᠯᠬᠤ᠂ | ᠪᠡᠭᠡᠵᠢᠩ ᠲᠢᠶᠠᠨᠵᠢᠨ ᠤ ᠰᠠᠯᠬᠢ ᠡᠯᠡᠰᠦ ᠶᠢᠨ ᠡᠬᠢ ᠰᠤᠷᠪᠤᠯᠵᠢ ᠳᠤ ᠵᠠᠰᠠᠯᠲᠠ ᠬᠢᠬᠦ᠂ ᠪᠠᠶᠢᠭᠠᠯᠢ ᠶᠢᠨ ᠣᠢ ᠶᠢ ᠬᠠᠮᠠᠭᠠᠯᠠᠬᠤ᠂ ᠪᠠᠶᠢᠭᠠᠯᠢ ᠶᠢᠨ ᠨᠤᠲᠤᠭ ᠪᠡᠯᠴᠢᠭᠡᠷ ᠤᠨ | ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ᠂ ᠲᠠᠷᠢᠶᠠᠯᠠᠬᠤ ᠶᠢ ᠵᠣᠭᠰᠣᠭᠠᠵᠤ ᠣᠶᠢᠵᠢᠭᠤᠯᠤᠯᠲᠠ ᠨᠣᠭᠤᠭᠠᠷᠠᠭᠤᠯᠤᠯᠲᠠ ᠬᠢᠬᠦ ᠵᠡᠷᠭᠡ ᠤᠯᠤᠰ ᠤᠨ | ᠭᠤᠣᠯᠳᠠᠯᠭ᠎ᠠ ᠲᠠᠢ ᠠᠮᠢ ᠠᠬᠤᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠥᠳᠡᠭᠡ ᠲᠣᠰᠬᠤᠨ ᠤ | ᠨᠣᠭᠤᠭᠠᠷᠠᠭᠤᠯᠤᠨ ᠴᠢᠮᠡᠭᠯᠡᠬᠦ ᠠᠵᠢᠯᠯᠠᠭ᠎ᠠ ᠶᠢ ᠢᠳᠡᠪᠬᠢᠲᠡᠢ ᠪᠠᠷ ᠥᠷᠨᠢᠭᠦᠯᠵᠦ᠂ ᠪᠦᠬᠦ ᠵᠢᠯ ᠳᠤ 1000 ᠲᠦᠮᠡᠨ ᠮᠦ ᠠᠴᠠ ᠳᠡᠭᠡᠭᠰᠢ ᠣᠶᠢᠵᠢᠭᠤᠯᠤᠯᠲᠠ ᠬᠢᠬᠦ | ᠡᠭᠦᠷᠭᠡ ᠶᠢ ᠪᠡᠶᠡᠯᠡᠭᠦᠯᠦᠨ᠎ᠡ᠃ 3000 ᠲᠦᠮᠡᠨ ᠮᠦ ᠡᠪᠡᠰᠦ ᠲᠠᠷᠢᠵᠤ ᠬᠠᠮᠠᠭᠠᠯᠠᠨ᠎ᠠ᠃ ︵ᠳᠥᠷᠪᠡ︶ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠡᠷᠴᠢᠮ ᠢ ᠦᠨᠡᠨ | ᠬᠦ ᠴᠢᠩᠭᠠᠷᠠᠭᠤᠯᠤᠨ᠎ᠠ᠄ ᠨᠤᠲᠤᠭ ᠪᠡᠯᠴᠢᠭᠡᠷ᠂ ᠣᠢ ᠰᠢᠭᠤᠢ ᠶᠢᠨ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠡᠷᠴᠢᠮ ᠢ ᠴᠢᠩᠭᠠᠷᠠᠭᠤᠯᠤᠨ᠂ ᠨᠤᠲᠤᠭ ᠪᠡᠯᠴᠢᠭᠡᠷ ᠢ | ᠡᠯᠰᠡᠨ ᠬᠡᠷᠡᠭᠯᠡᠬᠦ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠠᠯᠬᠤᠮ ᠳᠠᠷᠠᠭᠠᠯᠠᠯ ᠢ ᠴᠢᠩᠭᠠᠳᠬᠠᠵᠤ᠂ ᠳᠤᠷ᠎ᠠ ᠪᠠᠷ ᠢᠶᠠᠨ ᠨᠤᠲᠤᠭ ᠪᠡᠯᠴᠢᠭᠡᠷ ᠤᠨ ᠬᠡᠷᠡᠭᠯᠡᠯᠲᠡ ᠶᠢ | ᠥᠭᠡᠷᠡᠴᠢᠯᠡᠬᠦ ᠶᠢ ᠴᠢᠩᠭ᠎ᠠ ᠴᠠᠭᠠᠵᠠᠯᠠᠵᠤ᠂ ᠨᠤᠲᠤᠭ ᠪᠡᠯᠴᠢᠭᠡᠷ ᠢ ᠬᠠᠤᠯᠢ ᠪᠤᠰᠤ ᠪᠠᠷ ᠡᠵᠡᠯᠡᠨ ᠬᠡᠷᠡᠭᠯᠡᠬᠦ ᠶᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠨ᠎ᠡ︔ ᠣᠢ | ᠰᠢᠭᠤᠢ ᠶᠢᠨ ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ ᠶᠢ ᠴᠢᠩᠭᠠᠳᠬᠠᠨ᠂ ᠪᠠᠶᠢᠭᠠᠯᠢ ᠶᠢᠨ ᠣᠢ ᠶᠢ ᠬᠤᠳᠠᠯᠳᠤᠭᠠᠨ ᠤ ᠴᠢᠨᠠᠷᠲᠠᠢ ᠪᠠᠷ ᠣᠭᠲᠣᠯᠬᠤ ᠶᠢ ᠪᠦᠬᠦ | ᠲᠠᠯ᠎ᠠ ᠪᠠᠷ ᠵᠣᠭᠰᠣᠭᠠᠬᠤ ᠦᠷ᠎ᠡ ᠪᠦᠲᠦᠭᠡᠯ ᠢ ᠪᠠᠲᠤᠳᠬᠠᠵᠤ᠂ ᠣᠢ ᠰᠢᠭᠤᠢ᠂ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ᠂ ᠠᠮᠢᠳᠤ ᠪᠣᠳᠠᠰ ᠲᠤ ᠬᠤᠣᠷ ᠬᠥᠨᠥᠭᠡᠯ | ᠲᠠᠢ ᠭᠠᠮᠰᠢᠭ ᠢ ᠰᠡᠷᠭᠡᠶᠢᠯᠡᠨ ᠪᠠᠭᠠᠰᠬᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ︵ᠲᠠᠪᠤ︶ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠤ ᠪᠠᠶᠢᠭᠤᠯᠤᠯᠲᠠ ᠬᠠᠮᠢᠶᠠᠷᠤᠯᠲᠠ ᠶᠢ ᠴᠢᠩᠭᠠᠳᠬᠠᠨ᠎ᠠ᠄ ᠤᠯᠤᠰ ᠤᠨ ᠴᠡᠴᠡᠷᠯᠢᠭ ᠢᠶᠠᠷ ᠭᠤᠣᠯ ᠴᠣᠭᠴᠠ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠤ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ᠎ᠠ᠃ ︵ᠵᠢᠷᠭᠤᠭ᠎ᠠ︶ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠰᠢᠰᠲ᠋ᠧᠮᠵᠢ ᠶᠢ ᠬᠦᠴᠦᠯᠡᠨ | ᠪᠠᠶᠢᠭᠤᠯᠤᠨ᠎ᠠ᠃ ᠣᠢ ᠰᠢᠭᠤᠢ ᠶᠢᠨ ᠦᠢᠯᠡᠰ ᠪᠠ ᠨᠤᠲᠤᠭ ᠪᠡᠯᠴᠢᠭᠡᠷ ᠤᠨ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃ | ᠬᠥᠲᠥᠯᠥᠭᠴᠢ᠄ | ᠰᠠᠶᠢᠨ ᠪᠣᠯᠣᠯ᠎ᠠ᠂ ᠳ᠋ᠦᠩ ᠲᠣᠪᠴᠢᠶᠠᠨ ᠳᠠᠷᠤᠭ᠎ᠠ ᠶᠢᠨ ᠲᠠᠶᠢᠯᠤᠮᠵᠢ ᠬᠢᠭᠰᠡᠨ ᠳᠤ ᠪᠠᠶᠠᠷᠯᠠᠯ᠎ᠠ᠂ ᠮᠥᠨ ᠴᠤ ᠰᠦᠯᠵᠢᠶᠡᠨ ᠤ ᠠᠨᠳᠠ ᠨᠠᠷ ᠤᠨ ᠬᠦᠯᠢᠶᠡᠨ ᠠᠪᠴᠤ | ᠦᠵᠡᠭᠰᠡᠨ ᠳᠤ ᠪᠠᠶᠠᠷᠯᠠᠯ᠎ᠠ᠃ ᠴᠠᠭ ᠤᠨ ᠬᠠᠷᠠᠭ᠎ᠠ ᠠᠴᠠ ᠥᠨᠥᠳᠥᠷ ᠤᠨ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠬᠦ ᠪᠣᠯᠣᠯ᠎ᠠ᠂ ᠳᠠᠷᠠᠭᠠᠴᠢ ᠶᠢᠨ | ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ︕ | ᠳ᠋ᠦᠩ ᠱᠦ ᠬᠤᠸᠠ᠄ | ᠪᠠᠶᠠᠷᠲᠠᠢ︕ | |