| | | ᠰᠤᠷᠪᠤᠯᠵᠢᠯᠠᠭᠰᠠᠨ ᠴᠠᠭ᠄ | 2019 ᠣᠨ ᠤ 07 ᠳ᠋ᠤᠭᠠᠷ ᠰᠠᠷ᠎ᠠ ᠶᠢᠨ 03 ᠤ ᠡᠳᠦᠷ ᠤᠨ 15 ᠴᠠᠭ | ᠰᠤᠷᠪᠤᠯᠵᠢᠯᠠᠭ᠎ᠠ ᠬᠦᠯᠢᠶᠡᠭᠴᠢ᠄ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠸᠠᠩ ᠶᠢᠨ ᠪᠣᠤ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠥᠪᠥᠷ ᠮᠣᠩᠭᠤᠯ ᠠᠴᠠ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠴᠢᠬᠤᠯᠠ ᠠᠮᠤᠷ ᠲᠦᠪᠰᠢᠨ ᠤ ᠬᠠᠯᠬᠠᠪᠴᠢ ᠶᠢᠨ ᠪᠠᠶᠢᠭᠤᠯᠤᠯᠲᠠ ᠶᠢ ᠪᠦᠬᠦ | ᠬᠦᠴᠦᠨ ᠢᠶᠠᠷ ᠠᠬᠢᠭᠤᠯᠵᠤ᠂ ᠡᠬᠡ ᠤᠯᠤᠰ ᠤᠨ ᠤᠮᠠᠷᠠᠲᠤ ᠬᠢᠵᠠᠭᠠᠷ ᠲᠤ ᠲᠦᠮᠡᠨ ᠭᠠᠵᠠᠷ ᠤᠨ ᠨᠣᠭᠤᠭᠠᠨ ᠥᠩᠭᠡᠲᠦ ᠤᠷᠲᠤ ᠴᠠᠭᠠᠨ ᠢ ᠴᠣᠭᠴᠠᠯᠠᠨ ᠪᠠᠶᠢᠭᠤᠯᠬᠤ ᠪᠠᠷ | ᠴᠢᠷᠮᠠᠶᠢᠵᠤ᠂ ᠢᠯᠡᠳᠲᠡ ᠦᠷ᠎ᠡ ᠪᠦᠲᠦᠮᠵᠢ ᠣᠯᠵᠠᠢ᠃ | | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | | | ᠬᠥᠲᠥᠯᠥᠭᠴᠢ᠄ | ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠤᠰ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠢ ᠬᠦᠯᠢᠶᠡᠨ ᠠᠪᠴᠤ ᠦᠵᠡᠬᠦ ᠶᠢ ᠴᠢᠨᠢ ᠪᠠᠶᠠᠷᠯᠠᠨ ᠤᠭᠲᠤᠵᠤ ᠪᠠᠶᠢᠨ᠎ᠠ᠃ ᠥᠨᠥᠳᠥᠷ ᠪᠢᠳᠡ ᠥᠪᠡᠷᠲᠡᠭᠡᠨ ᠵᠠᠰᠠᠬᠤ | ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠸᠠᠩ ᠶᠢᠨ ᠪᠣᠤ ᠶᠢ ᠤᠷᠢᠵᠤ᠂ ᠲᠡᠭᠦᠨ ᠢᠶᠠᠷ ᠮᠠᠨ ᠤ ᠣᠷᠣᠨ ᠠᠴᠠ ᠮᠠᠨ ᠤ | ᠤᠯᠤᠰ ᠤᠨ ᠤᠮᠠᠷᠠᠲᠤ ᠶᠢᠨ ᠠᠮᠢ ᠠᠬᠤᠢ ᠶᠢᠨ ᠴᠢᠬᠤᠯᠠ ᠠᠮᠤᠷ ᠲᠦᠪᠰᠢᠨ ᠤ ᠬᠠᠯᠬᠠᠪᠴᠢ ᠶᠢᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠡᠬᠡ | ᠤᠯᠤᠰ ᠤᠨ ᠤᠮᠠᠷᠠᠲᠤ ᠬᠢᠵᠠᠭᠠᠷ ᠲᠤ ᠲᠦᠮᠡᠨ ᠭᠠᠵᠠᠷ ᠤᠨ ᠨᠣᠭᠤᠭᠠᠨ ᠥᠩᠭᠡᠲᠦ ᠤᠷᠲᠤ ᠴᠠᠭᠠᠨ ᠢ ᠴᠣᠭᠴᠠᠯᠠᠨ ᠪᠠᠶᠢᠭᠤᠯᠬᠤ ᠪᠠᠷ ᠴᠢᠷᠮᠠᠶᠢᠵᠤ᠂ ᠢᠯᠡᠳᠲᠡ ᠦᠷ᠎ᠡ | ᠪᠦᠲᠦᠮᠵᠢ ᠣᠯᠣᠭᠰᠠᠨ ᠲᠤᠬᠠᠢ ᠣᠯᠠᠨ ᠳ᠋ᠤ᠋ᠨᠠᠷᠢᠯᠢᠭ ᠲᠠᠨᠢᠯᠴᠠᠭᠤᠯᠭ᠎ᠠ ᠬᠢᠯᠭᠡᠬᠦ ᠪᠣᠢ᠃ ᠸᠠᠩ ᠡᠷᠬᠢᠯᠡᠭᠴᠢ ᠶᠢ ᠪᠠᠶᠠᠷᠯᠠᠨ ᠤᠭᠲᠤᠵᠤ ᠪᠠᠶᠢᠨ᠎ᠠ᠃ | ᠸᠠᠩ ᠶᠢᠨ ᠪᠣᠤ᠄ | ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ | ᠬᠥᠲᠥᠯᠥᠭᠴᠢ᠄ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯ ᠳᠤᠮᠳᠠᠳᠤ ᠶᠢᠨ ᠦᠨᠳᠦᠰᠦᠲᠡᠨ ᠤ ᠥᠨᠢᠳᠡ ᠦᠷᠭᠦᠯᠵᠢᠯᠡᠨ ᠬᠥᠭᠵᠢᠬᠦ ᠳᠤ ᠬᠤᠯᠪᠣᠭᠳᠠᠭᠰᠠᠨ | ᠦᠨᠳᠦᠰᠦᠨ ᠪᠣᠳᠣᠯᠭ᠎ᠠ ᠪᠣᠯᠣᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶ᠎ᠠ ᠠᠴᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠤᠯᠤᠰ ᠢᠶᠠᠨ ᠵᠠᠰᠠᠵᠤ ᠵᠠᠰᠠᠭ ᠶᠠᠪᠤᠭᠤᠯᠬᠤ ᠲᠣᠪᠣᠶᠢᠮ᠎ᠠ ᠪᠠᠶᠢᠷᠢᠨ ᠳᠤ ᠲᠠᠯᠪᠢᠭᠰᠠᠭᠠᠷ ᠢᠷᠡᠪᠡ᠃ | ᠶᠡᠷᠦᠩᠬᠡᠢ ᠱᠦᠵᠢ ᠰᠢ ᠶᠢᠨ ᠫᠢᠩ ᠠᠴᠠ ᠮᠠᠨ ᠤ ᠣᠷᠣᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠶᠠᠮᠠᠷ ᠶᠠᠮᠠᠷ ᠱᠠᠭᠠᠷᠳᠠᠯᠭ᠎ᠠ ᠳᠤᠷᠠᠳᠤᠭᠰᠠᠨ ᠪᠣᠢ︖ | ᠸᠠᠩ ᠶᠢᠨ ᠪᠣᠤ᠄ | ᠶᠡᠷᠦᠩᠬᠡᠢ ᠱᠦᠵᠢ ᠰᠢ ᠶᠢᠨ ᠫᠢᠩ ᠠᠴᠠ ᠥᠪᠥᠷ ᠮᠣᠩᠭᠤᠯ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠠᠩᠬᠠᠷᠤᠨ | ᠬᠠᠯᠠᠮᠵᠢᠯᠠᠭᠰᠠᠭᠠᠷ ᠢᠷᠡᠪᠡ᠃ 2014 ᠣᠨ ᠳᠤ ᠮᠠᠨ ᠤ ᠣᠷᠣᠨ ᠳᠤ ᠰᠢᠨᠵᠢᠯᠡᠨ ᠪᠠᠶᠢᠴᠠᠭᠠᠯᠲᠠ ᠬᠢᠬᠦ ᠳᠤ ᠪᠠᠨ᠂ ᠥᠪᠥᠷ ᠮᠣᠩᠭᠤᠯ ᠤᠨ ᠠᠮᠢ ᠠᠬᠤᠢ ᠶᠢᠨ ᠪᠠᠶᠢᠳᠠᠯ | ᠶᠠᠮᠠᠷ ᠪᠠᠶᠢᠬᠤ ᠨᠢ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠣᠷᠣᠰᠢᠨ ᠲᠣᠭᠲᠠᠨᠢᠯ ᠪᠠ ᠬᠥᠭᠵᠢᠯᠲᠡ ᠳᠤ ᠬᠤᠯᠪᠣᠭᠳᠠᠬᠤ ᠪᠠᠷ ᠪᠠᠷᠠᠬᠤ | ᠦᠭᠡᠢ᠂ ᠬᠤᠸᠠᠪᠧᠢ᠂ ᠵᠡᠭᠦᠨ ᠬᠤᠶᠢᠲᠤ᠂ ᠪᠠᠷᠠᠭᠤᠨ ᠬᠤᠶᠢᠲᠤ ᠴᠢᠨᠠᠭᠰᠢᠯᠠᠭᠠᠳ ᠪᠦᠬᠦ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠳᠤ ᠬᠤᠯᠪᠣᠭᠳᠠᠨ᠎ᠠ ᠭᠡᠵᠦ | ᠵᠢᠭᠠᠨ ᠭᠠᠷᠭᠠᠵᠤ᠂ ᠡᠷᠬᠡᠪᠰᠢ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠴᠢᠬᠤᠯᠠ ᠠᠮᠤᠷ ᠲᠦᠪᠰᠢᠨ ᠤ ᠬᠠᠯᠬᠠᠪᠴᠢ ᠪᠣᠯᠭᠠᠨ | ᠪᠦᠲᠦᠭᠡᠨ ᠪᠠᠶᠢᠭᠤᠯᠬᠤ ᠬᠡᠷᠡᠭᠲᠡᠢ ᠭᠡᠵᠦ ᠪᠢᠳᠡᠨ ᠳᠤ ᠬᠦᠰᠡᠯ ᠨᠠᠶᠢᠳᠠᠯᠭ᠎ᠠ ᠲᠠᠯᠪᠢᠵᠠᠢ᠃ | 2018 ᠣᠨ ᠳᠤ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠬᠤᠷᠠᠯ ᠤᠨ | ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠳᠤ᠂ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ | ᠠᠮᠢ ᠠᠬᠤᠢ ᠶᠢᠨ ᠴᠢᠬᠤᠯᠠ ᠠᠮᠤᠷ ᠲᠦᠪᠰᠢᠨ ᠤ ᠬᠠᠯᠬᠠᠪᠴᠢ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ᠂ ᠡᠨᠡ ᠪᠣᠯ ᠪᠦᠬᠦ ᠤᠯᠤᠰ ᠤᠨ ᠬᠥᠭᠵᠢᠯᠲᠡ ᠶᠢᠨ ᠶᠡᠭᠡ | ᠲᠠᠯ᠎ᠠ ᠳᠤ ᠰᠠᠭᠤᠷᠢᠯᠠᠨ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ᠂ ᠮᠥᠨ ᠴᠤ ᠥᠪᠥᠷ ᠮᠣᠩᠭᠤᠯ ᠤᠨ ᠡᠷᠬᠡᠪᠰᠢ ᠤᠬᠠᠮᠰᠠᠷ ᠠᠴᠠ ᠪᠠᠨ | ᠡᠭᠦᠷᠭᠡᠯᠡᠬᠦ ᠴᠢᠬᠤᠯᠠ ᠶᠡᠭᠡ ᠡᠭᠦᠷᠭᠡ ᠪᠣᠯᠣᠨ᠎ᠠ ᠭᠡᠵᠦ ᠳᠠᠬᠢᠨᠲᠠ ᠵᠢᠭᠠᠨ ᠭᠠᠷᠭᠠᠵᠤ᠂ ᠪᠢᠳᠡᠨ ᠢ ᠡᠬᠡ ᠤᠯᠤᠰ ᠤᠨ ᠤᠮᠠᠷᠠᠲᠤ ᠬᠢᠵᠠᠭᠠᠷ ᠲᠤ ᠲᠦᠮᠡᠨ ᠭᠠᠵᠠᠷ ᠤᠨ | ᠨᠣᠭᠤᠭᠠᠨ ᠥᠩᠭᠡᠲᠦ ᠤᠷᠲᠤ ᠴᠠᠭᠠᠨ ᠬᠡᠷᠡᠮ ᠢ ᠴᠣᠭᠴᠠᠯᠠᠨ ᠪᠠᠶᠢᠭᠤᠯᠬᠤ ᠬᠡᠷᠡᠭᠲᠡᠢ ᠭᠡᠵᠦ ᠱᠠᠭᠠᠷᠳᠠᠵᠠᠢ᠃ | ᠡᠨᠡ ᠵᠢᠯ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ | ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠳᠤ᠂ ᠥᠪᠥᠷ ᠮᠣᠩᠭᠤᠯ ᠠᠴᠠ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠲᠤᠯᠠᠨ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠨ᠂ ᠪᠣᠬᠢᠷᠲᠤᠯ | ᠦᠭᠡᠢ ᠪᠠᠷ ᠬᠥᠭᠵᠢᠭᠦᠯᠬᠦ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠰᠦᠪᠡᠭᠴᠢᠯᠡᠵᠦ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠ ᠵᠠᠰᠠᠨ | ᠰᠡᠷᠭᠦᠭᠡᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠵᠦ᠂ ︽ᠡᠬᠡ ᠤᠯᠤᠰ ᠤᠨ ᠤᠮᠠᠷᠠᠲᠤ ᠶᠢᠨ ᠡᠨᠡ ᠬᠦ | ᠦᠵᠡᠮᠵᠢ ᠶᠢᠨ ᠣᠷᠣᠨ ᠢ ᠰᠠᠶᠢᠲᠤᠷ ᠰᠠᠬᠢᠨ ᠬᠠᠮᠠᠭᠠᠯᠠᠬᠤ︾ ᠶᠢ ᠬᠦᠰᠡᠵᠦ ᠪᠠᠶᠢᠨ᠎ᠠ ᠭᠡᠵᠦ ᠤᠯᠠᠮ ᠨᠢᠭᠡ ᠠᠯᠬᠤᠮ ᠵᠢᠭᠠᠵᠤ ᠭᠠᠷᠭᠠᠪᠠ᠃ ᠶᠡᠷᠦᠩᠬᠡᠢ ᠱᠦᠵᠢ ᠥᠪᠥᠷ | ᠮᠣᠩᠭᠤᠯ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠬᠠᠢ ᠣᠯᠠᠨ ᠤᠳᠠᠭ᠎ᠠ ᠴᠢᠬᠤᠯᠠᠴᠢᠯᠠᠵᠤ ᠪᠠᠶᠢᠬᠤ ᠶᠢᠨ ᠰᠢᠯᠲᠠᠭᠠᠨ ᠨᠢ᠂ ᠥᠪᠥᠷ ᠮᠣᠩᠭᠤᠯ ᠪᠣᠯ | ᠮᠠᠨ ᠤ ᠤᠯᠤᠰ ᠤᠨ ᠤᠮᠠᠷᠠᠲᠤ ᠶᠢᠨ ᠲᠠᠯᠠᠪᠠᠢ ᠪᠠᠷ ᠬᠠᠮᠤᠭ ᠤᠨ ᠶᠡᠭᠡ᠂ ᠲᠥᠷᠥᠯ ᠵᠦᠢᠯ ᠢᠶᠠᠷ ᠬᠠᠮᠤᠭ ᠤᠨ ᠪᠦᠷᠢᠨ ᠠᠮᠢ ᠠᠬᠤᠢ ᠶᠢᠨ ᠴᠢᠳᠠᠮᠵᠢ ᠶᠢᠨ ᠣᠷᠣᠨ ᠪᠠᠶᠢᠵᠤ᠂ | ᠣᠢ ᠰᠢᠭᠤᠢ᠂ ᠲᠠᠯ᠎ᠠ ᠨᠤᠲᠤᠭ᠂ ᠨᠣᠶᠢᠲᠠᠨ ᠭᠠᠵᠠᠷ᠂ ᠭᠤᠣᠯ ᠮᠥᠷᠡᠨ᠂ ᠨᠠᠭᠤᠷ ᠴᠥᠭᠦᠷᠥᠮ᠂ ᠡᠯᠡᠰᠦ ᠮᠠᠩᠬ᠎ᠠ ᠵᠡᠷᠭᠡ ᠣᠯᠠᠨ ᠵᠦᠢᠯ ᠤᠨ ᠪᠠᠶᠢᠭᠠᠯᠢ ᠶᠢᠨ ᠳᠦᠷᠰᠦ | ᠪᠠᠶᠢᠳᠠᠯ ᠲᠠᠢ ᠣᠷᠣᠨ ᠪᠠᠶᠢᠵᠤ᠂ ᠨᠢᠭᠡᠨ ᠤᠷᠲᠤ ᠬᠤᠭᠤᠴᠠᠭ᠎ᠠ ᠪᠠᠷ ᠪᠦᠷᠢᠯᠳᠦᠭᠰᠡᠨ ᠶᠡᠷᠦᠩᠬᠡᠶᠢᠯᠡᠭᠰᠡᠨ ᠴᠢᠨᠠᠷᠲᠠᠢ ᠠᠮᠢ ᠠᠬᠤᠢ ᠶᠢᠨ ᠰᠢᠰᠲ᠋ᠧᠮ᠂ ᠮᠥᠨ ᠴᠤ ᠠᠮᠢ | ᠠᠬᠤᠢ ᠶᠢᠨ ᠰᠢᠰᠲ᠋ᠧᠮ ᠨᠢ ᠲᠤᠶᠢᠯ ᠤᠨ ᠬᠡᠪᠡᠷᠡᠭ ᠪᠠ ᠬᠤᠷᠴᠠ ᠰᠡᠷᠭᠡᠭ ᠭᠠᠵᠠᠷ ᠣᠷᠣᠨ ᠪᠣᠯᠣᠨ᠎ᠠ᠃ ᠲᠡᠭᠦᠨ ᠤ ᠠᠮᠢ ᠠᠬᠤᠢ ᠶᠢᠨ ᠣᠷᠴᠢᠨ ᠲᠣᠭᠤᠷᠢᠨ ᠤ ᠲᠥᠯᠥᠪ | ᠪᠠᠶᠢᠳᠠᠯ ᠨᠢ ᠬᠤᠸᠠᠪᠧᠢ᠂ ᠵᠡᠭᠦᠨ ᠬᠤᠶᠢᠲᠤ᠂ ᠪᠠᠷᠠᠭᠤᠨ ᠬᠤᠶᠢᠲᠤ ᠴᠢᠨᠠᠭᠰᠢᠯᠠᠭᠠᠳ ᠪᠦᠬᠦ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠳᠤ ᠬᠤᠯᠪᠣᠭᠳᠠᠵᠤ | ᠪᠠᠶᠢᠨ᠎ᠠ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠨᠢ ᠥᠪᠥᠷ ᠮᠣᠩᠭᠤᠯ ᠳᠤ ᠠᠪᠴᠤ ᠬᠡᠯᠡᠪᠡᠯ᠂ ᠡᠭᠦᠷᠭᠡ ᠨᠢ ᠨᠡᠩ ᠬᠦᠨᠳᠦ᠂ | ᠬᠠᠷᠢᠭᠤᠴᠠᠯᠭ᠎ᠠ ᠨᠢ ᠨᠡᠩ ᠶᠡᠭᠡ᠂ ᠱᠠᠭᠠᠷᠳᠠᠯᠭ᠎ᠠ ᠨᠢ ᠨᠡᠩ ᠥᠨᠳᠥᠷ ᠪᠠᠶᠢᠳᠠᠭ᠃ | ᠬᠥᠲᠥᠯᠥᠭᠴᠢ᠄ | ᠥᠪᠡᠷᠲᠡᠭᠡᠨ ᠵᠠᠰᠠᠬᠤ ᠣᠷᠣᠨ ᠠᠴᠠ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠡᠷᠬᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠴᠢᠬᠤᠯᠠ ᠠᠮᠤᠷ ᠲᠦᠪᠰᠢᠨ ᠤ ᠬᠠᠯᠬᠠᠪᠴᠢ ᠶᠢᠨ ᠪᠠᠶᠢᠭᠤᠯᠤᠯᠲᠠ ᠶᠢ ᠠᠬᠢᠭᠤᠯᠤᠨ᠂ ᠡᠬᠡ ᠤᠯᠤᠰ ᠤᠨ | ᠤᠮᠠᠷᠠᠲᠤ ᠬᠢᠵᠠᠭᠠᠷ ᠲᠤ ᠲᠦᠮᠡᠨ ᠭᠠᠵᠠᠷ ᠤᠨ ᠨᠣᠭᠤᠭᠠᠨ ᠥᠩᠭᠡᠲᠦ ᠤᠷᠲᠤ ᠴᠠᠭᠠᠨ ᠬᠡᠷᠡᠮ ᠢ ᠴᠣᠭᠴᠠᠯᠠᠨ ᠪᠠᠶᠢᠭᠤᠯᠬᠤ ᠲᠠᠯ᠎ᠠ ᠪᠠᠷ ᠶᠠᠮᠠᠷ ᠶᠠᠮᠠᠷ ᠰᠡᠳᠬᠢᠮᠵᠢ ᠶᠢ | ᠳᠤᠷᠠᠳᠤᠨ ᠭᠠᠷᠭᠠᠵᠤ᠂ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠢ ᠲᠠᠨᠢᠯᠴᠠᠭᠤᠯᠤᠭᠠᠳ ᠥᠭᠭᠦᠨ᠎ᠡ ᠦᠦ︖ | ᠸᠠᠩ ᠶᠢᠨ ᠪᠣᠤ᠄ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠣᠨ ᠠᠴᠠ ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ ᠬᠦᠰᠡᠯ ᠨᠠᠶᠢᠳᠠᠯᠭ᠎ᠠ ᠶᠢ | ᠢᠮᠠᠭᠲᠠ ᠪᠠᠲᠤ ᠴᠡᠭᠡᠵᠢᠯᠡᠨ᠂ ᠬᠠᠷᠢᠭᠤᠴᠠᠯᠭᠠᠲᠤ ᠣᠪᠣᠷ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠷᠠᠭᠤᠯᠵᠤ᠂ ᠤᠯᠤᠰ ᠤᠨ ᠠᠮᠢ ᠠᠬᠤᠢ ᠶᠢᠨ ᠠᠮᠤᠷ | ᠲᠦᠪᠰᠢᠨ ᠤ ᠶᠡᠭᠡ ᠲᠠᠯ᠎ᠠ ᠳᠠᠬᠢ ᠥᠪᠥᠷ ᠮᠣᠩᠭᠤᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠶᠢ ᠣᠨᠣᠪᠴᠢᠲᠠᠢ ᠡᠵᠡᠮᠳᠡᠵᠦ᠂ ᠬᠥᠮᠥᠨ ᠬᠢᠭᠡᠳ ᠪᠠᠶᠢᠭᠠᠯᠢ | ᠡᠶ᠎ᠡ ᠵᠣᠬᠢᠴᠠᠩᠭᠤᠢ ᠪᠠᠷ ᠬᠥᠭᠵᠢᠭᠰᠡᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠪᠠᠶᠢᠷᠢᠯᠠᠭᠤᠯᠤᠯᠲᠠ ᠶᠢ ᠪᠦᠷᠢᠯᠳᠦᠭᠦᠯᠬᠦ ᠪᠠᠷ ᠬᠦᠴᠦᠯᠡᠨ | ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠨᠣᠭᠤᠭᠠᠨ ᠥᠩᠭᠡ ᠪᠣᠯ ᠥᠪᠥᠷ ᠮᠣᠩᠭᠤᠯ ᠤᠨ ᠦᠨᠳᠦᠰᠦᠨ ᠥᠩᠭᠡ ᠪᠠ ᠥᠷᠲᠡᠭ | ᠪᠠᠶᠢᠵᠤ᠂ ᠠᠮᠢ ᠠᠬᠤᠢ ᠪᠣᠯ ᠥᠪᠥᠷ ᠮᠣᠩᠭᠤᠯ ᠤᠨ ᠬᠠᠷᠢᠭᠤᠴᠠᠯᠭ᠎ᠠ ᠪᠠ ᠳᠠᠯᠳᠠ ᠬᠦᠴᠦᠨ ᠮᠥᠨ ᠭᠡᠵᠦ ᠳᠤᠷᠠᠳᠤᠨ ᠭᠠᠷᠭᠠᠪᠠ︔ ᠠᠮᠢ ᠠᠬᠤᠢ ᠶᠢᠨ ᠬᠤᠷᠢᠭ᠎ᠠ | ᠱᠤᠭᠤᠮ ᠢ ᠰᠠᠬᠢᠨ᠂ ᠥᠩᠭᠡ ᠦᠵᠡᠮᠵᠢ ᠬᠢᠭᠡᠳ ᠬᠥᠭᠵᠢᠯᠲᠡ ᠶᠢᠨ ᠬᠤᠣᠰ ᠢᠯᠠᠯᠲᠠ ᠶᠢ ᠪᠠᠷᠢᠮᠲᠠᠯᠠᠵᠤ᠂ ᠠᠵᠤ ᠠᠬᠤᠢ ᠶᠢᠨ ᠬᠥᠭᠵᠢᠯᠲᠡ ᠬᠢᠭᠡᠳ ᠠᠮᠢ ᠠᠬᠤᠢ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠴᠠᠭ᠎ᠠ ᠶᠢ ᠵᠥᠪ ᠢᠶᠠᠨ ᠰᠢᠢᠳᠪᠦᠷᠢᠯᠡᠵᠦ᠂ ᠣᠷᠴᠢᠨ ᠲᠣᠭᠤᠷᠢᠨ ᠢ ᠰᠦᠢᠳᠬᠡᠬᠦ ᠪᠠᠷ ᠦᠷᠡᠭᠳᠡᠯ ᠪᠣᠯᠭᠠᠵᠤ ᠪᠠᠶᠢᠭᠠᠳ | ᠨᠢᠭᠡ ᠴᠠᠭ ᠤᠨ ᠠᠵᠤ ᠠᠬᠤᠢ ᠶᠢᠨ ᠨᠡᠮᠡᠭᠳᠡᠯ ᠢ ᠰᠣᠯᠢᠵᠤ ᠶᠠᠭᠠᠬᠢᠭᠰᠠᠨ ᠴᠤ ᠪᠣᠯᠬᠤ ᠦᠭᠡᠢ︔ ᠨᠣᠭᠤᠭᠠᠨ ᠥᠩᠭᠡᠵᠢᠭᠦᠯᠬᠦ ᠪᠠᠷ ᠬᠥᠲᠥᠴᠢ ᠪᠣᠯᠭᠠᠨ᠂ ᠠᠵᠤ | ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠵᠦ᠂ ᠣᠷᠣᠨ ᠬᠡᠪᠴᠢᠶᠡᠨ ᠤ ᠬᠥᠭᠵᠢᠯᠲᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ | ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠴᠢᠬᠤᠯᠠ ᠠᠮᠤᠷ ᠲᠦᠪᠰᠢᠨ ᠤ ᠬᠠᠯᠬᠠᠪᠴᠢ ᠶᠢ ᠴᠣᠭᠴᠠᠯᠠᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠴᠢᠬᠤᠯᠠ ᠠᠮᠤᠷ ᠲᠦᠪᠰᠢᠨ ᠤ ᠬᠠᠯᠬᠠᠪᠴᠢ ᠶᠢ ᠴᠣᠭᠴᠠᠯᠠᠨ ᠪᠠᠶᠢᠭᠤᠯᠬᠤ ᠠᠵᠢᠯ ᠢ ᠨᠢᠭᠡᠳᠦᠯᠲᠡᠢ | ᠲᠥᠯᠥᠪᠯᠡᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠠᠴᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠢ ᠪᠠᠶᠢᠭᠤᠯᠵᠠᠢ᠃ | 2015 ᠣᠨ ᠳᠤ ᠨᠢᠭᠡᠨᠲᠡ ᠥᠪᠡᠷᠲᠡᠭᠡᠨ ᠵᠠᠰᠠᠬᠤ ᠣᠷᠣᠨ ᠤ ︽ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠢ | ᠬᠡᠷᠡᠭᠵᠢᠭᠦᠯᠬᠦ ᠰᠠᠨᠠᠯ︾ ᠢ ᠨᠡᠶᠢᠲᠡᠯᠡᠪᠡ᠃ ᠪᠦᠬᠦ ᠣᠷᠣᠨ ᠤ ᠳᠡᠭᠡᠳᠦ ᠳᠣᠣᠷᠠᠳᠤ ᠱᠠᠲᠤ ᠪᠠᠷ ᠢᠶᠠᠨ ᠪᠠᠶᠢᠭᠠᠯᠢ ᠶᠢᠨ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ | ᠬᠢᠭᠡᠳ ᠪᠠᠶᠢᠭᠤᠯᠤᠯᠲᠠ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠳᠤ ᠵᠠᠰᠠᠯᠲᠠ ᠬᠢᠬᠦ ᠶᠢ ᠴᠢᠩᠭᠠᠳᠬᠠᠵᠤ᠂ ᠠᠵᠤ | ᠦᠢᠯᠡᠰ ᠤᠨ ᠪᠣᠬᠢᠷᠲᠤᠯ ᠦᠭᠡᠢ ᠬᠥᠭᠵᠢᠯᠲᠡ ᠳᠤ ᠬᠦᠴᠦᠯᠡᠨ᠂ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠢᠳᠡᠪᠬᠢᠲᠡᠢ | ᠠᠬᠢᠭᠤᠯᠵᠤ᠂ ᠠᠮᠢ ᠠᠬᠤᠢ ᠶᠢᠨ ᠰᠣᠶᠣᠯ ᠢ ᠶᠡᠭᠡ ᠪᠠᠷ ᠬᠥᠮᠥᠵᠢᠭᠦᠯᠦᠨ ᠪᠣᠶᠢᠵᠢᠭᠤᠯᠵᠤ᠂ ᠥᠪᠥᠷ ᠮᠣᠩᠭᠤᠯ ᠤᠨ ᠠᠮᠢ ᠠᠬᠤᠢ ᠶᠢᠨ ᠲᠥᠯᠥᠪ ᠪᠠᠶᠢᠳᠠᠯ ᠨᠢ ︽ᠪᠦᠬᠦᠯᠢ | ᠴᠣᠭᠴᠠ ᠪᠠᠷ ᠨᠢ ᠬᠤᠷᠢᠭᠯᠠᠵᠤ᠂ ᠬᠡᠰᠡᠭ ᠭᠠᠵᠠᠷ ᠨᠢ ᠰᠠᠶᠢᠵᠢᠷᠠᠭᠰᠠᠨ︾ ᠴᠢᠬᠤᠯᠠ ᠶᠡᠭᠡ ᠬᠤᠪᠢᠷᠠᠯᠲᠠ ᠶᠢ ᠪᠡᠶᠡᠯᠡᠭᠦᠯᠵᠡᠢ᠃ | ᠬᠥᠲᠥᠯᠥᠭᠴᠢ᠄ | ᠮᠠᠨ ᠤ ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠠᠴᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠵᠤ ᠵᠠᠰᠠᠨ ᠰᠡᠷᠭᠦᠭᠡᠬᠦ ᠪᠠᠷ ᠢᠮᠠᠭᠲᠠ ᠬᠠᠮᠤᠭ ᠤᠨ | ᠶᠡᠭᠡ ᠰᠠᠭᠤᠷᠢ ᠪᠦᠲᠦᠭᠡᠨ ᠪᠠᠶᠢᠭᠤᠯᠤᠯᠲᠠ ᠪᠣᠯᠭᠠᠨ ᠠᠳᠬᠤᠵᠤ᠂ ᠠᠵᠢᠯ ᠤᠨ ᠦᠷ᠎ᠡ ᠪᠦᠲᠦᠮᠵᠢ ᠨᠢ ᠮᠠᠰᠢ ᠲᠣᠪᠣᠶᠢᠮ᠎ᠠ ᠪᠣᠯᠪᠠ᠃ ᠲᠡᠭᠡᠪᠡᠯ ᠲᠠ ᠪᠣᠳᠠᠲᠠᠢ ᠪᠠᠶᠢᠳᠠᠯ ᠢ | ᠨᠢ ᠲᠠᠨᠢᠯᠴᠠᠭᠤᠯᠤᠭᠠᠳ ᠥᠭᠭᠦᠨ᠎ᠡ ᠦᠦ︖ | ᠸᠠᠩ ᠶᠢᠨ ᠪᠣᠤ᠄ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠠᠮᠢ ᠠᠬᠤᠢ ᠶᠢᠨ ᠰᠢᠰᠲ᠋ᠧᠮ ᠤᠨ ᠳᠣᠲᠣᠭᠠᠳᠤ ᠶᠢᠨ ᠵᠦᠢ ᠲᠣᠭᠲᠠᠯ ᠪᠠ | ᠵᠢᠮ᠎ᠡ ᠶᠣᠰᠣ ᠶᠢ ᠵᠢᠷᠤᠮᠯᠠᠨ᠂ ᠠᠭᠤᠯᠠ ᠤᠰᠤ ᠣᠢ ᠲᠠᠷᠢᠶ᠎ᠠ ᠨᠠᠭᠤᠷ ᠪᠡᠯᠴᠢᠭᠡᠷ ᠡᠯᠡᠰᠦ ᠳᠤ ᠶᠡᠷᠦᠩᠬᠡᠶᠢᠯᠡᠨ ᠵᠠᠰᠠᠯᠲᠠ ᠬᠢᠬᠦ ᠶᠢ ᠨᠢᠭᠡᠳᠦᠯᠲᠡᠢ ᠲᠥᠯᠥᠪᠯᠡᠵᠦ᠂ ᠲᠠᠯ᠎ᠠ | ᠨᠤᠲᠤᠭ ᠪᠠ ᠣᠢ ᠰᠢᠭᠤᠢ ᠶᠢ ᠬᠠᠮᠠᠭᠠᠯᠠᠬᠤ ᠪᠠᠷ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠶᠢᠨ ᠲᠡᠷᠢᠭᠦᠨ ᠴᠢᠬᠤᠯᠠ ᠡᠭᠦᠷᠭᠡ ᠪᠣᠯᠭᠠᠪᠠ᠃ ᠪᠡᠭᠡᠵᠢᠩ | ᠲᠢᠶᠠᠨᠵᠢᠨ ᠤ ᠰᠠᠯᠬᠢ ᠡᠯᠡᠰᠦ ᠶᠢ ᠡᠬᠢ ᠰᠤᠷᠪᠤᠯᠵᠢ ᠠᠴᠠ ᠨᠢ ᠵᠠᠰᠠᠬᠤ᠂ ︽ᠭᠤᠷᠪᠠᠨ ᠤᠮᠠᠷᠠᠲᠤ︾ ᠶᠢᠨ ᠰᠡᠷᠭᠡᠶᠢᠯᠡᠯᠲᠡ ᠶᠢᠨ ᠣᠢ ᠶᠢ ᠪᠠᠶᠢᠭᠤᠯᠬᠤ᠂ ᠪᠠᠶᠢᠭᠠᠯᠢᠯᠢᠭ | ᠣᠢ ᠶᠢᠨ ᠡᠬᠢ ᠪᠠᠶᠠᠯᠢᠭ ᠢ ᠬᠠᠮᠠᠭᠠᠯᠠᠬᠤ᠂ ᠲᠠᠷᠢᠶᠠᠯᠠᠬᠤ ᠶᠢ ᠵᠣᠭᠰᠣᠭᠠᠵᠤ ᠣᠶᠢᠵᠢᠭᠤᠯᠤᠯᠲᠠ ᠨᠣᠭᠤᠭᠠᠷᠠᠭᠤᠯᠤᠯᠲᠠ ᠬᠢᠬᠦ᠂ ᠮᠠᠯᠵᠢᠬᠤ ᠶᠢ ᠵᠣᠭᠰᠣᠭᠠᠵᠤ ᠡᠪᠡᠰᠦ | ᠪᠡᠯᠴᠢᠭᠡᠷ ᠢ ᠰᠡᠷᠭᠦᠭᠡᠬᠦ᠂ ᠤᠰᠤ ᠬᠥᠷᠥᠰᠥ ᠶᠢ ᠪᠠᠲᠤᠯᠠᠬᠤ ᠵᠡᠷᠭᠡ ᠭᠤᠣᠯᠳᠠᠯᠭ᠎ᠠ ᠲᠠᠢ ᠢᠨᠵᠧᠨᠧᠷᠢᠩ ᠢ ᠨᠢᠭᠲᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ | ᠣᠷᠣᠨ ᠢᠶᠠᠷ ᠢᠶᠠᠨ ᠵᠢᠯ ᠪᠦᠷᠢ 1290 ᠲᠦᠮᠡᠨ ᠮᠦ ᠠᠴᠠ ᠳᠡᠭᠡᠭᠰᠢ ᠣᠶᠢᠵᠢᠭᠤᠯᠤᠯᠲᠠ ᠬᠢᠵᠦ᠂ 3000 ᠲᠦᠮᠡᠨ ᠮᠦ ᠠᠴᠠ ᠳᠡᠭᠡᠭᠰᠢ ᠡᠪᠡᠰᠦ ᠲᠠᠷᠢᠵᠤ᠂ ᠤᠰᠤ | ᠬᠥᠷᠥᠰᠥᠨ ᠤ ᠤᠷᠤᠰᠬᠠᠭᠳᠠᠯ ᠢ ᠵᠠᠰᠠᠬᠤ ᠲᠠᠯᠠᠪᠠᠢ ᠶᠢ 924 ᠲᠦᠮᠡᠨ ᠮᠦ ᠠᠴᠠ ᠳᠡᠭᠡᠭᠰᠢ ᠬᠦᠷᠭᠡᠬᠦ ᠶᠢ ᠪᠡᠶᠡᠯᠡᠭᠦᠯᠪᠡ᠃ ᠲᠠᠯ᠎ᠠ ᠨᠤᠲᠤᠭ ᠤᠨ ᠠᠮᠢ ᠠᠬᠤᠢ ᠶᠢᠨ | ᠬᠠᠮᠠᠭᠠᠯᠠᠯᠲᠠ ᠳᠤ ᠨᠥᠬᠦᠪᠦᠷᠢ ᠱᠠᠩᠨᠠᠯ ᠣᠯᠭᠤᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ 10.2 ᠳ᠋ᠦᠩᠰᠢᠭᠤᠷ ᠮᠦ ᠠᠰᠢᠭᠯᠠᠵᠤ ᠪᠣᠯᠬᠤᠶᠢᠴᠠ ᠲᠠᠯ᠎ᠠ | ᠨᠤᠲᠤᠭ ᠢ ᠪᠦᠬᠦᠨ ᠢ ᠬᠠᠮᠠᠭᠠᠯᠠᠯᠲᠠ ᠶᠢᠨ ᠬᠡᠪᠴᠢᠶᠡᠨ ᠳᠤ ᠣᠷᠣᠭᠤᠯᠤᠨ᠂ 4.05 ᠳ᠋ᠦᠩᠰᠢᠭᠤᠷ ᠮᠦ ᠭᠠᠵᠠᠷ ᠲᠤ ᠮᠠᠯᠵᠢᠬᠤ ᠶᠢ ᠵᠣᠭᠰᠣᠭᠠᠬᠤ ᠪᠠ ᠰᠡᠯᠭᠦᠨ ᠮᠠᠯᠵᠢᠵᠤ᠂ | 6.15 ᠳ᠋ᠦᠩᠰᠢᠭᠤᠷ ᠮᠦ ᠭᠠᠵᠠᠷ ᠤᠨ ᠮᠡᠯ ᠪᠡᠯᠴᠢᠭᠡᠷ ᠤᠨ ᠲᠡᠩᠴᠡᠭᠦᠷᠢᠰᠢᠯ ᠢ ᠪᠠᠲᠤᠯᠠᠪᠠ᠃ ᠵᠠᠰᠠᠯᠲᠠ ᠬᠢᠬᠦ ᠪᠠᠷ ᠳᠠᠮᠵᠢᠭᠤᠯᠤᠨ᠂ ᠮᠠᠨ ᠤ ᠣᠷᠣᠨ ᠤ ᠣᠢ | ᠰᠢᠭᠤᠢ ᠶᠢᠨ ᠲᠠᠯᠠᠪᠠᠢ ᠪᠠ ᠨᠥᠭᠡᠴᠡ ᠶᠢᠨ ᠬᠡᠮᠵᠢᠶ᠎ᠡ ᠨᠢ ︽ᠬᠤᠣᠰ ᠢᠶᠠᠷ ᠨᠡᠮᠡᠭᠳᠡᠬᠦ︾ ᠶᠢ ᠪᠡᠶᠡᠯᠡᠭᠦᠯᠵᠦ᠂ ᠪᠦᠬᠦ ᠣᠷᠣᠨ ᠤ ᠳᠣᠯᠣᠳᠤᠭᠠᠷ ᠤᠳᠠᠭᠠᠨ ᠤ ᠣᠢ | ᠰᠢᠭᠤᠢ ᠶᠢᠨ ᠡᠬᠢ ᠪᠠᠶᠠᠯᠢᠭ ᠢ ᠢᠯᠭᠠᠨ ᠪᠠᠶᠢᠴᠠᠭᠠᠭᠰᠠᠨ ︵2013 ᠣᠨ︶ ᠦᠷ᠎ᠡ ᠳ᠋ᠦᠩ ᠲᠠᠢ ᠬᠠᠷᠢᠴᠠᠭᠤᠯᠪᠠᠯ᠂ ᠣᠢ ᠰᠢᠭᠤᠢ ᠶᠢᠨ ᠲᠠᠯᠠᠪᠠᠢ ᠶᠢᠨ ᠴᠡᠪᠡᠷ ᠨᠡᠮᠡᠭᠳᠡᠯ | ᠨᠢ 1905 ᠲᠦᠮᠡᠨ ᠮᠦ᠂ ᠣᠢ ᠰᠢᠭᠤᠢ ᠶᠢᠨ ᠨᠥᠭᠡᠴᠡ ᠶᠢᠨ ᠬᠡᠮᠵᠢᠶ᠎ᠡ ᠶᠢᠨ ᠴᠡᠪᠡᠷ ᠨᠡᠮᠡᠭᠳᠡᠯ ᠨᠢ 1.82 ᠳ᠋ᠦᠩᠰᠢᠭᠤᠷ ᠺᠦᠪ ᠮᠧᠲᠷ ᠲᠤ ᠬᠦᠷᠴᠦ᠂ ᠣᠢ | ᠰᠢᠭᠤᠢ ᠶᠢᠨ ᠪᠦᠷᠬᠦᠴᠡ ᠶᠢᠨ ᠨᠣᠷᠮ᠎ᠠ ᠨᠢ 1.07 ᠵᠠᠭᠤᠨ ᠤ ᠴᠡᠭ ᠳᠡᠭᠡᠭᠰᠢᠯᠡᠪᠡ︔ ᠴᠥᠯᠡᠷᠬᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠲᠠᠯᠠᠪᠠᠢ ᠨᠢ | ︽ᠬᠤᠣᠰ ᠢᠶᠠᠷ ᠪᠠᠭᠠᠰᠬᠤ︾ ᠶᠢ ᠪᠡᠶᠡᠯᠡᠭᠦᠯᠦᠨ᠂ ᠳᠥᠷᠪᠡᠳᠦᠭᠡᠷ ᠤᠳᠠᠭᠠᠨ ᠤ ᠴᠥᠯᠡᠷᠬᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠬᠢᠨᠠᠨ ᠬᠡᠮᠵᠢᠯᠲᠡ ︵ | 2009 ᠣᠨ︶ ᠲᠠᠢ ᠬᠠᠷᠢᠴᠠᠭᠤᠯᠪᠠᠯ᠂ ᠲᠤᠰ ᠲᠤᠰ 625 ᠲᠦᠮᠡᠨ ᠮᠦ ᠪᠠ 515 ᠲᠦᠮᠡᠨ ᠮᠦ ᠪᠠᠭᠠᠰᠪᠠ︔ ᠲᠠᠯ᠎ᠠ ᠨᠤᠲᠤᠭ ᠤᠨ ᠤᠷᠭᠤᠮᠠᠯ ᠤᠨ | ᠬᠤᠴᠢᠯᠭ᠎ᠠ ᠶᠢᠨ ᠬᠡᠮᠵᠢᠶ᠎ᠡ ᠨᠢ 44% ᠳᠤ ᠬᠦᠷᠴᠦ᠂ ︽11 · 5︾ ᠶᠢᠨ ᠰᠡᠭᠦᠯᠴᠢ ᠶᠢᠨ ᠦᠶ᠎ᠡ ᠲᠠᠢ ᠬᠠᠷᠢᠴᠠᠭᠤᠯᠪᠠᠯ 7 ᠵᠠᠭᠤᠨ ᠤ ᠴᠡᠭ ᠳᠡᠭᠡᠭᠰᠢᠯᠡᠵᠦ᠂ | ᠨᠢᠭᠡᠨᠲᠡ ᠳᠡᠭᠡᠷ᠎ᠡ ᠵᠠᠭᠤᠨ ᠤ ᠨᠠᠶᠠᠭᠠᠳ ᠣᠨ ᠤ ᠳᠤᠮᠳᠠᠴᠢ ᠦᠶ᠎ᠡ ᠶᠢᠨ ᠬᠠᠮᠤᠭ ᠤᠨ ᠰᠠᠶᠢᠨ ᠬᠢᠷᠢ ᠲᠦᠪᠰᠢᠨ ᠳᠤ ᠣᠶᠢᠷᠠᠳᠴᠠᠢ᠃ | ᠬᠥᠲᠥᠯᠥᠭᠴᠢ᠄ | ᠠᠷᠠᠳ ᠲᠦᠮᠡᠨ ᠤ ᠲᠤᠰᠬᠠᠯ ᠴᠢᠩᠭ᠎ᠠ ᠪᠠᠶᠢᠭ᠎ᠠ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠨᠢ᠂ ᠣᠷᠴᠢᠨ ᠲᠣᠭᠤᠷᠢᠨ ᠪᠠ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢᠨ ᠲᠤᠯᠭᠠᠮᠳᠠᠭᠤ ᠱᠠᠭᠠᠷᠳᠠᠯᠭ᠎ᠠ ᠪᠣᠯᠬᠤ ᠪᠠᠷ ᠪᠠᠷᠠᠬᠤ ᠦᠭᠡᠢ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ | ᠴᠢᠩᠭᠠᠳᠬᠠᠬᠤ ᠶᠢᠨ ᠪᠠᠴᠢᠮ ᠡᠭᠦᠷᠭᠡ ᠪᠣᠯᠣᠨ᠎ᠠ᠃ ᠲᠡᠭᠡᠪᠡᠯ ᠲᠠ ᠮᠠᠨ ᠤ ᠣᠷᠣᠨ ᠤ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠳᠤ ᠵᠠᠰᠠᠯᠲᠠ ᠬᠢᠭᠰᠡᠨ | ᠲᠠᠯ᠎ᠠ ᠶᠢᠨ ᠪᠠᠶᠢᠳᠠᠯ ᠢ ᠲᠠᠨᠢᠯᠴᠠᠭᠤᠯᠤᠭᠠᠳ ᠥᠭᠭᠦᠨ᠎ᠡ ᠦᠦ︖ | ᠸᠠᠩ ᠶᠢᠨ ᠪᠣᠤ᠄ | ᠮᠠᠨ ᠤ ᠣᠷᠣᠨ ᠠᠴᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠤᠭ ᠤᠨ ᠴᠢᠩᠭ᠎ᠠ ᠳᠦᠷᠢᠮ ᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ ᠪᠠᠷ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠪᠠ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ | ᠡᠭᠦᠷᠭᠡ ᠪᠣᠯᠭᠠᠨ᠂ ᠡᠬᠢ ᠢᠷᠡᠯᠲᠡ ᠠᠴᠠ ᠨᠢ ᠰᠡᠷᠭᠡᠶᠢᠯᠡᠬᠦ᠂ ᠪᠦᠬᠦ ᠶᠠᠪᠤᠴᠠ ᠳᠤ ᠬᠠᠮᠢᠶᠠᠷᠤᠨ ᠡᠵᠡᠮᠳᠡᠬᠦ ᠪᠠ ᠪᠦᠲᠦᠮᠵᠢ ᠰᠠᠶᠢᠲᠠᠢ ᠪᠠᠷ ᠵᠠᠰᠠᠯᠲᠠ ᠬᠢᠬᠦ ᠶᠢ ᠪᠠᠷᠢᠮᠲᠠᠯᠠᠪᠠ᠃ | ᠥᠪᠡᠷᠲᠡᠭᠡᠨ ᠵᠠᠰᠠᠬᠤ ᠣᠷᠣᠨ ᠠᠴᠠ ︽ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ︾ ᠶᠢ ᠲᠣᠭᠲᠠᠭᠠᠪᠠ᠂ ᠡᠨᠡ ᠨᠢ ᠮᠥᠨ ᠴᠤ ᠪᠦᠬᠦ ᠤᠯᠤᠰ ᠤᠨ ᠠᠩᠬᠠᠳᠠᠭᠴᠢ ᠮᠤᠵᠢ ᠶᠢᠨ | ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠡᠷ᠎ᠡ ᠪᠠᠷ ᠲᠠᠷᠬᠠᠭᠠᠭᠰᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠲᠤᠬᠠᠢ ᠪᠢᠴᠢᠭ ᠮᠠᠲ᠋ᠧᠷᠢᠶᠠᠯ ᠪᠠᠶᠢᠵᠤ᠂ ᠡᠯ᠎ᠡ ᠭᠠᠵᠠᠷ ᠤᠨ ᠬᠢᠨ ︽ᠨᠠᠮ ᠵᠠᠰᠠᠭ ᠬᠠᠮᠲᠤ ᠪᠠᠷ ᠬᠠᠷᠢᠭᠤᠴᠠᠵᠤ᠂ ᠨᠢᠭᠡ | ᠠᠵᠢᠯ ᠤᠨ ᠪᠠᠶᠢᠷᠢ ᠳᠤ ᠳᠠᠪᠬᠤᠷ ᠬᠠᠷᠢᠭᠤᠴᠠᠯᠭ᠎ᠠ ᠡᠭᠦᠷᠭᠡᠯᠡᠬᠦ︾ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃ ᠥᠪᠡᠷᠲᠡᠭᠡᠨ ᠵᠠᠰᠠᠬᠤ ᠣᠷᠣᠨ ᠤ | ︽ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ | ᠳᠠᠶᠢᠯᠠᠯᠳᠤᠭᠠᠨ ᠢ ᠡᠷᠡᠰ ᠰᠢᠭᠤᠷᠬᠠᠢ ᠪᠠᠷ ᠰᠠᠶᠢᠲᠤᠷ ᠬᠢᠬᠦ ᠶᠢᠨ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠵᠤ᠂ ᠠᠭᠠᠷ ᠮᠠᠨᠳᠠᠯ᠂ ᠤᠰᠤ᠂ ᠬᠥᠷᠥᠰᠥ ᠰᠢᠷᠣᠢ ᠶᠢᠨ | ᠪᠣᠬᠢᠷᠲᠤᠯ ᠢ ᠰᠡᠷᠭᠡᠶᠢᠯᠡᠨ ᠵᠠᠰᠠᠬᠤ ᠶᠢ ᠯᠠᠪᠳᠠᠭᠤᠨ ᠪᠠᠲᠤᠲᠠᠢ ᠪᠠᠷ ᠠᠬᠢᠭᠤᠯᠪᠠ᠃ ᠴᠢᠩᠭ᠎ᠠ ᠴᠣᠬᠢᠯᠲᠠ ᠥᠭᠴᠦ᠂ ᠣᠭᠲᠣ ᠠᠭᠤᠴᠢᠯᠠᠬᠤ ᠦᠭᠡᠢ ᠣᠪᠣᠷ ᠢᠶᠠᠷ ᠠᠮᠢ | ᠠᠬᠤᠢ ᠶᠢ ᠡᠪᠳᠡᠭᠰᠡᠨ ᠪᠠ ᠣᠷᠴᠢᠨ ᠲᠣᠭᠤᠷᠢᠨ ᠢ ᠪᠣᠬᠢᠷᠲᠤᠭᠤᠯᠤᠭᠰᠠᠨ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ | ᠥᠭᠪᠡ᠃ 2018 ᠣᠨ ᠳᠤ᠂ ᠪᠦᠬᠦ ᠣᠷᠣᠨ ᠤ ᠠᠭᠠᠷ ᠤᠨ ᠶᠠᠰᠤ ᠴᠢᠨᠠᠷ ᠨᠢ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠨᠢ 83.6% ᠳᠤ ᠬᠦᠷᠴᠦ᠂ | PM2.5 ᠶᠢᠨ ᠳᠤᠮᠳᠠᠴᠢ ᠥᠳᠬᠡᠴᠡ ᠨᠢ ᠠᠳᠠᠯᠢ ᠬᠤᠭᠤᠴᠠᠭᠠᠨ ᠤ ᠬᠢ ᠠᠴᠠ 9.7% ︵ᠡᠯᠡᠰᠦ ᠲᠣᠭᠤᠰᠣ ᠲᠠᠢ ᠴᠠᠭ ᠠᠭᠠᠷ ᠤᠨ ᠨᠥᠯᠥᠭᠡ ᠶᠢ ᠠᠷᠢᠯᠭᠠᠬᠤ︶ | ᠪᠠᠷ ᠪᠠᠭᠤᠷᠠᠪᠠ︔ ᠭᠠᠵᠠᠷ ᠳᠡᠭᠡᠷᠡᠬᠢ ᠤᠰᠤᠨ ᠤ ᠰᠢᠯᠭᠠᠨ ᠬᠢᠨᠠᠬᠤ ᠣᠭᠲᠣᠯᠣᠭᠠᠰᠤ ᠶᠢᠨ ᠰᠢᠯᠢᠳᠡᠭ ᠰᠠᠶᠢᠨ ᠤᠰᠤᠨ ᠴᠣᠭᠴᠠ ᠶᠢᠨ ᠬᠠᠷᠢᠴᠠᠯ ᠨᠢ 53.8% ᠳᠤ | ᠬᠦᠷᠴᠦ᠂ ᠮᠠᠭᠤ v ᠲᠥᠷᠥᠯ ᠤᠨ ᠤᠰᠤᠨ ᠴᠣᠭᠴᠠ ᠶᠢᠨ ᠣᠭᠲᠣᠯᠣᠭᠠᠰᠤ ᠶᠢᠨ ᠬᠠᠷᠢᠴᠠᠯ ᠨᠢ 3.8% ᠳᠤ ᠬᠦᠷᠪᠡ︔ ᠬᠦᠬᠦᠷ ᠤᠨ ᠳᠠᠪᠬᠤᠷ ᠢᠰᠦᠯ᠂ | ᠠᠽᠣᠲ ᠤᠨ ᠢᠰᠦᠯ᠂ ᠬᠢᠮᠢ ᠶᠢᠨ ᠬᠦᠴᠢᠯᠲᠥ᠋ᠷᠥᠭᠴᠢ ᠱᠠᠭᠠᠷᠳᠠᠬᠤ ᠬᠡᠮᠵᠢᠶ᠎ᠡ᠂ ᠰᠢᠪᠲᠦᠷᠲᠦ ᠠᠽᠣᠲ ᠤᠨ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠨᠢ 2015 ᠣᠨ ᠤ | ᠬᠢ ᠠᠴᠠ ᠲᠤᠰ ᠲᠤᠰ 15%᠂ 10%᠂ 5.6%᠂ 10.7% ᠪᠠᠷ ᠪᠠᠭᠤᠷᠠᠪᠠ᠃ ᠬᠥᠯᠥᠨ ᠨᠠᠭᠤᠷ ᠤᠨ ᠲᠠᠯᠠᠪᠠᠢ ᠦᠷᠭᠦᠯᠵᠢᠯᠡᠨ ᠨᠡᠮᠡᠭᠳᠡᠨ᠂ ᠲᠠᠶᠢᠭ᠎ᠠ | ᠨᠠᠭᠤᠷ ᠤᠨ ᠤᠰᠤᠨ ᠲᠦᠪᠰᠢᠨ ᠤ ᠳᠣᠷᠣᠭᠰᠢᠯᠠᠬᠤ ᠬᠠᠨᠳᠤᠰᠢ ᠤᠳᠠᠭᠠᠰᠢᠷᠠᠵᠤ᠂ ᠤᠯᠠᠭᠠᠨᠰᠤᠬᠠᠢ ᠶᠢᠨ ᠰᠠᠪᠠ ᠭᠠᠵᠠᠷ ᠢ ᠵᠠᠰᠠᠨ ᠰᠡᠷᠭᠦᠭᠡᠬᠦ ᠢᠨᠵᠧᠨᠧᠷᠢᠩ ᠢ | ᠤᠯᠤᠰ ᠤᠨ ᠭᠤᠷᠪᠠᠳᠤᠭᠠᠷ ᠪᠦᠯᠦᠭ ᠠᠭᠤᠯᠠ ᠤᠰᠤ ᠣᠢ ᠲᠠᠷᠢᠶ᠎ᠠ ᠠᠭᠤᠷ ᠪᠡᠯᠴᠢᠭᠡᠷ ᠤᠨ ᠠᠮᠢ ᠠᠬᠤᠢ ᠶᠢ ᠬᠠᠮᠠᠭᠠᠯᠠᠵᠤ ᠵᠠᠰᠠᠨ ᠰᠡᠷᠭᠦᠭᠡᠬᠦ ᠲᠤᠷᠰᠢᠯᠲᠠ ᠶᠢᠨ ᠴᠡᠭ ᠤᠨ | ᠲᠥᠷᠥᠯ ᠵᠦᠢᠯ ᠳᠤ ᠣᠷᠣᠭᠤᠯᠪᠠ᠃ ᠪᠦᠬᠦ ᠣᠷᠣᠨ ᠤ ᠣᠷᠴᠢᠨ ᠲᠣᠭᠤᠷᠢᠨ ᠤ ᠪᠠᠶᠢᠳᠠᠯ ᠦᠷᠭᠦᠯᠵᠢᠯᠡᠨ ᠰᠠᠶᠢᠵᠢᠷᠠᠵᠤ᠂ ᠥᠪᠥᠷ ᠮᠣᠩᠭᠤᠯ ᠤᠨ ᠣᠭᠲᠠᠷᠭᠤᠢ ᠶᠢ ᠨᠡᠩ | ᠴᠡᠯᠮᠡᠭ᠂ ᠠᠭᠤᠯᠠ ᠶᠢ ᠨᠡᠩ ᠬᠥᠬᠡᠮᠳᠦᠭ᠂ ᠤᠰᠤ ᠶᠢ ᠨᠡᠩ ᠲᠤᠩᠭᠠᠯᠠᠭ᠂ ᠠᠭᠠᠷ ᠢ ᠨᠡᠩ ᠴᠡᠪᠡᠷ ᠪᠣᠯᠭᠠᠵᠤ᠂ ᠥᠷᠭᠡᠨ ᠣᠯᠠᠨ ᠲᠦᠮᠡᠨ ᠤ ᠬᠦᠷᠲᠡᠭᠡᠮᠵᠢᠲᠦ ᠲᠥᠷᠥᠭᠳᠡᠯ | ᠂ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠦᠭᠡᠢ ᠴᠢᠩᠭᠠᠷᠠᠭᠤᠯᠵᠠᠢ᠃ | ᠬᠥᠲᠥᠯᠥᠭᠴᠢ᠄ | ᠪᠣᠬᠢᠷᠲᠤᠯ ᠦᠭᠡᠢ ᠪᠠᠷ ᠬᠥᠭᠵᠢᠭᠦᠯᠬᠦ ᠪᠣᠯ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠠᠶᠢᠯᠠᠰᠢ ᠦᠭᠡᠢ ᠱᠠᠭᠠᠷᠳᠠᠯᠭ᠎ᠠ ᠪᠠ ᠴᠢᠬᠤᠯᠠ ᠠᠷᠭ᠎ᠠ | ᠬᠡᠮᠵᠢᠶ᠎ᠡ ᠪᠣᠯᠣᠨ᠎ᠠ᠃ ᠲᠡᠭᠡᠪᠡᠯ ᠲᠠ ᠮᠠᠨ ᠤ ᠣᠷᠣᠨ ᠠᠴᠠ ᠠᠵᠤ ᠦᠢᠯᠡᠰ ᠤᠨ ᠪᠣᠬᠢᠷᠲᠤᠯ ᠦᠭᠡᠢ ᠬᠥᠭᠵᠢᠯᠲᠡ ᠶᠢ ᠬᠡᠷᠬᠢᠨ ᠠᠬᠢᠭᠤᠯᠤᠭᠰᠠᠨ ᠢ ᠣᠯᠠᠨ ᠳᠤ ᠶᠠᠷᠢᠭᠠᠳ | ᠥᠭᠭᠦᠨ᠎ᠡ | ᠦᠦ︖ | ᠸᠠᠩ ᠶᠢᠨ ᠪᠣᠤ᠄ | ᠪᠣᠬᠢᠷᠲᠤᠯ ᠦᠭᠡᠢ ᠪᠠᠷ ᠬᠥᠭᠵᠢᠭᠦᠯᠬᠦ ᠪᠣᠯ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠤᠨ᠂ ᠡᠬᠢ ᠪᠠᠶᠠᠯᠢᠭ ᠤᠨ ᠣᠷᠴᠢᠨ | ᠲᠣᠭᠤᠷᠢᠨ ᠤ ᠬᠦᠯᠢᠶᠡᠰᠦᠯᠡᠯ ᠢ ᠡᠪᠳᠡᠵᠦ᠂ ᠬᠥᠮᠥᠨ ᠬᠢᠭᠡᠳ ᠪᠠᠶᠢᠭᠠᠯᠢ ᠶᠢ ᠡᠶ᠎ᠡ ᠵᠣᠬᠢᠴᠠᠩᠭᠤᠢ ᠪᠠᠷ ᠬᠥᠭᠵᠢᠭᠦᠯᠬᠦ ᠰᠢᠨ᠎ᠡ ᠪᠠᠶᠢᠷᠢᠯᠠᠭᠤᠯᠤᠯᠲᠠ ᠶᠢ ᠠᠬᠢᠭᠤᠯᠬᠤ | ᠦᠨᠳᠦᠰᠦᠨ ᠪᠣᠳᠣᠯᠭ᠎ᠠ ᠪᠣᠯᠣᠨ᠎ᠠ᠃ ᠮᠠᠨ ᠤ ᠣᠷᠣᠨ ᠠᠴᠠ ᠠᠵᠤ ᠦᠢᠯᠡᠰ ᠤᠨ ᠪᠦᠲᠦᠴᠡ ᠶᠢ ᠬᠦᠴᠦᠯᠡᠨ ᠰᠢᠯᠢᠳᠡᠭᠵᠢᠭᠦᠯᠵᠦ᠂ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠦᠯᠡᠭᠦᠳᠡᠭᠰᠡᠨ ᠪᠠ ᠲᠠᠶᠠᠭᠳᠠᠭᠰᠠᠨ ᠬᠤᠴᠣᠷᠤᠩᠭᠤᠢ ᠦᠢᠯᠡᠳᠪᠦᠷᠢᠯᠡᠬᠦ ᠴᠢᠳᠠᠪᠤᠷᠢ ᠶᠢ | ᠲᠦᠷᠭᠡᠳᠬᠡᠨ ᠨᠠᠮᠳᠠᠭᠠᠵᠤ᠂ ︽13 · 5︾ ᠠᠴᠠ ᠨᠠᠭᠠᠰᠢ ᠨᠡᠭᠦᠷᠡᠰᠦᠨ ᠤ ᠦᠢᠯᠡᠳᠪᠦᠷᠢᠯᠡᠬᠦ ᠴᠢᠳᠠᠪᠤᠷᠢ ᠶᠢ ᠨᠡᠶᠢᠲᠡ 2250 ᠲᠦᠮᠡᠨ ᠲᠣᠨ ᠪᠤᠴᠠᠭᠠᠨ ᠭᠠᠷᠭᠠᠵᠤ᠂ | ᠪᠣᠯᠣᠳ ᠲᠡᠮᠦᠷ ᠤᠨ ᠦᠢᠯᠡᠳᠪᠦᠷᠢᠯᠡᠬᠦ ᠴᠢᠳᠠᠪᠤᠷᠢ ᠶᠢ 346 ᠲᠦᠮᠡᠨ ᠲᠣᠨ ᠲᠠᠶᠠᠭᠳᠠᠭᠤᠯᠵᠤ᠂ ᠤᠯᠤᠰ ᠠᠴᠠ ᠪᠠᠭᠤᠯᠭᠠᠭᠰᠠᠨ ︽13 · 5︾ ᠬᠤᠭᠤᠴᠠᠭᠠᠨ ᠳᠠᠬᠢ | ᠨᠡᠭᠦᠷᠡᠰᠦ᠂ ᠪᠣᠯᠣᠳ ᠲᠡᠮᠦᠷ ᠤᠨ ᠦᠢᠯᠡᠳᠪᠦᠷᠢᠯᠡᠬᠦ ᠴᠢᠳᠠᠮᠵᠢ ᠶᠢ ᠠᠷᠢᠯᠭᠠᠬᠤ ᠡᠭᠦᠷᠭᠡ ᠶᠢ ᠬᠤᠶᠠᠷ ᠵᠢᠯ ᠤᠷᠢᠳᠴᠢᠯᠠᠨ ᠪᠡᠶᠡᠯᠡᠭᠦᠯᠪᠡ︔ ︽ᠰᠢᠭᠠᠷᠤ ᠪᠣᠯᠣᠳ︾ ᠢ | 243 ᠲᠦᠮᠡᠨ ᠲᠣᠨ ᠬᠦᠴᠦᠨ ᠦᠭᠡᠢ ᠪᠣᠯᠭᠠᠵᠤ ᠂ ᠬᠤᠴᠣᠷᠤᠩᠭᠤᠢ ᠢᠯᠴᠢ ᠶᠢᠨ ᠴᠠᠬᠢᠯᠭᠠᠨ ᠤ ᠮᠠᠰᠢᠨ ᠤ ᠪᠦᠯᠦᠭ ᠢ 15.4 ᠲᠦᠮᠡᠨ ᠺᠢᠯᠣᠸᠠᠲ ᠬᠠᠭᠠᠯᠭᠠᠨ | ᠲᠠᠶᠠᠭᠳᠠᠭᠤᠯᠵᠠᠢ᠃ ᠰᠢᠨ᠎ᠡ ᠬᠥᠳᠡᠯᠭᠡᠭᠴᠢ ᠡᠨᠧᠷᠭᠢ ᠶᠢ ᠬᠥᠭᠵᠢᠭᠦᠯᠦᠨ ᠪᠤᠵᠠᠭᠠᠶᠢᠷᠠᠭᠤᠯᠬᠤ ᠶᠢ ᠲᠦᠷᠭᠡᠳᠬᠡᠵᠦ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠪᠠᠷ | ᠮᠠᠨᠳᠤᠭᠰᠠᠨ ᠠᠵᠤ ᠦᠢᠯᠡᠰ ᠢ ᠴᠢᠨᠠᠷ ᠰᠠᠶᠢᠲᠠᠢ ᠪᠠᠷ ᠬᠥᠭᠵᠢᠭᠦᠯᠬᠦ ᠶᠢᠨ ᠬᠡᠷᠡᠭᠵᠢᠭᠦᠯᠬᠦ ᠲᠥᠰᠥᠯ ︵2018 — 2020 ᠣᠨ︶︾ ᠢ ᠲᠣᠭᠲᠠᠭᠠᠨ ᠨᠡᠶᠢᠲᠡᠯᠡᠵᠦ᠂ | ᠰᠢᠨ᠎ᠡ ᠪᠠᠷ ᠮᠠᠨᠳᠤᠭᠰᠠᠨ ᠠᠵᠤ ᠦᠢᠯᠡᠰ ᠢ ᠬᠥᠮᠥᠵᠢᠭᠦᠯᠦᠨ ᠪᠣᠶᠢᠵᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠯᠥᠪᠯᠡᠭᠡ ᠶᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠨᠢᠭᠡ ᠪᠦᠯᠦᠭ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠪᠦᠯᠦᠭᠯᠡᠯ ᠤᠨ ᠲᠥᠷᠥᠯ ᠵᠦᠢᠯ ᠢ ᠳᠡᠮᠵᠢᠨ᠂ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ ᠪᠠ ᠨᠡᠭᠦᠷᠡᠰᠦᠨ ᠤ ᠪᠤᠰᠤ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ ᠠᠵᠤ ᠦᠢᠯᠡᠳᠪᠦᠷᠢ ᠶᠢᠨ ᠥᠷᠲᠡᠭ ᠢᠶᠠᠨ ᠨᠡᠮᠡᠭᠳᠡᠭᠦᠯᠬᠦ ᠳᠤ ᠦᠢᠯᠡᠳᠬᠡᠯ ᠤᠨ | ᠦᠢᠯᠡᠰ ᠤᠨ ᠦᠵᠡᠭᠦᠯᠬᠦ ᠬᠤᠪᠢ ᠨᠡᠮᠡᠷᠢ ᠶᠢᠨ ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠤᠪᠣᠷ ᠰᠢᠷᠣᠢ ᠶᠢ ᠤᠯᠠᠷᠢᠭᠤᠯᠤᠭᠰᠠᠨ ᠨᠣᠷᠮ᠎ᠠ ᠨᠢ 80. | 6% ᠳᠤ ᠬᠦᠷᠴᠦ᠂ ᠬᠤᠪᠣᠷ ᠰᠢᠷᠣᠢ ᠶᠢᠨ ᠨᠢᠭᠡᠳᠪᠦᠷᠢ ᠶᠢᠨ ᠦᠢᠯᠡᠳᠪᠦᠷᠢᠯᠡᠬᠦ ᠴᠢᠳᠠᠮᠵᠢ᠂ ᠡᠭᠦᠯᠡᠨ ᠪᠣᠳᠣᠯᠲᠠ ᠶᠢᠨ ᠦᠢᠯᠡᠴᠢᠯᠡᠭᠦᠷ ᠤᠨ ᠴᠢᠳᠠᠪᠤᠷᠢ ᠨᠢ ᠪᠦᠬᠦ | ᠤᠯᠤᠰ ᠤᠨ ᠲᠡᠷᠢᠭᠦᠨ ᠳᠤ | ᠣᠷᠣᠵᠠᠢ᠃ | ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠢᠳᠡᠪᠬᠢᠲᠡᠢ ᠪᠠᠷ ᠠᠬᠢᠭᠤᠯᠤᠨ᠂ ᠤᠯᠠᠮᠵᠢᠯᠠᠯᠲᠤ ᠠᠵᠤ ᠦᠢᠯᠡᠰ ᠤᠨ | ᠥᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠵᠤ᠂ ᠨᠡᠭᠦᠷᠡᠰᠦ᠂ ᠮᠧᠲ᠋ᠢᠯ ᠠᠯᠺᠣᠣᠯ᠂ ᠴᠠᠬᠢᠯᠤᠭᠤᠷ ᠴᠢᠯᠠᠭᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠤᠯᠠᠷᠢᠭᠤᠯᠤᠭᠰᠠᠨ ᠨᠣᠷᠮ᠎ᠠ ᠨᠢ ᠲᠤᠰ ᠲᠤᠰ 38.4%᠂ 41%᠂ 60%᠂ 58% ᠳᠤ ᠬᠦᠷᠴᠦ᠂ ᠨᠡᠭᠦᠷᠡᠰᠦ ᠴᠠᠬᠢᠯᠭᠠᠨ ᠢ ᠨᠢᠭᠡ | ᠴᠣᠭᠴᠠᠵᠢᠭᠤᠯᠤᠭᠰᠠᠨ ᠬᠠᠷᠢᠴᠠᠯ ᠨᠢ 90% ᠠᠴᠠ ᠳᠡᠭᠡᠭᠰᠢ ᠳᠤ ᠬᠦᠷᠪᠡ᠃ ᠪᠦᠬᠦ ᠣᠷᠣᠨ ᠤ ᠠᠵᠤ ᠦᠢᠯᠡᠰ ᠤᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ | ᠭᠤᠷᠪᠠᠨ ᠶᠡᠭᠡ ᠠᠵᠤ ᠦᠢᠯᠡᠰ ᠤᠨ ᠪᠦᠲᠦᠴᠡ ᠨᠢ 2015 ᠣᠨ ᠤ 9᠄ 51᠄ 40 ᠠᠴᠠ ᠤᠯᠠᠷᠢᠨ ᠬᠥᠭᠵᠢᠵᠦ 2018 ᠣᠨ ᠤ 10.1᠄ 39.4᠄ 50. | 5 ᠳᠤ ᠬᠦᠷᠪᠡ᠃ ᠪᠣᠬᠢᠷᠲᠤᠯ ᠦᠭᠡᠢ ᠡᠷᠭᠢᠯᠲᠡᠲᠦ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠶᠡᠭᠡ ᠬᠦᠴᠦᠨ ᠢᠶᠠᠷ ᠠᠬᠢᠭᠤᠯᠵᠤ᠂ ᠲᠠᠷᠢᠶᠠᠯᠠᠩ ᠤᠨ | ᠦᠢᠯᠡᠳᠪᠦᠷᠢᠯᠡᠯ ᠤᠨ ᠪᠣᠷᠳᠣᠭᠤᠷ ᠢ ᠬᠢᠵᠠᠭᠠᠷᠯᠠᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠨ ᠡᠮ ᠢ ᠬᠢᠵᠠᠭᠠᠷᠯᠠᠨ ᠬᠤᠣᠷ ᠬᠥᠨᠥᠭᠡᠯ ᠢ ᠪᠠᠭᠠᠰᠬᠠᠬᠤ᠂ ᠤᠰᠤ ᠶᠢ | ᠬᠢᠵᠠᠭᠠᠷᠯᠠᠨ ᠬᠤᠷᠣᠭᠳᠠᠯ ᠢ ᠪᠠᠭᠤᠷᠠᠭᠤᠯᠬᠤ᠂ ᠰᠦᠯᠢᠶᠥᠦ ᠪᠦᠷᠬᠦᠪᠴᠢ ᠶᠢ ᠬᠢᠵᠠᠭᠠᠷᠯᠠᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ︽ᠳᠥᠷᠪᠡ ᠶᠢ ᠠᠬᠢᠭᠤᠯᠤᠨ 365赢多少钱会被限额_国内有真正的365平台吗_365bet博彩官网 | ᠳᠥᠷᠪᠡ ᠶᠢ ᠬᠢᠵᠠᠭᠠᠷᠯᠠᠬᠤ︾ ᠶᠢ ᠬᠡᠷᠡᠭᠵᠢᠭᠦᠯᠵᠦ᠂ ᠰᠦᠯᠢᠶᠥᠦ ᠪᠦᠷᠬᠦᠪᠴᠢ ᠶᠢ ᠪᠤᠴᠠᠭᠠᠨ ᠬᠤᠷᠢᠶᠠᠬᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠪᠠ ᠮᠠᠯ | ᠵᠢᠭᠦᠷᠲᠡᠨ ᠤ ᠪᠠᠭᠠᠰᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠪᠦᠬᠦ ᠰᠢᠶᠠᠨ ᠪᠠᠷ ᠠᠬᠢᠭᠤᠯᠬᠤ ᠠᠵᠢᠯᠯᠠᠭ᠎ᠠ ᠶᠢ ᠥᠷᠨᠢᠭᠦᠯᠪᠡ᠃ ᠠᠵᠤ | ᠦᠢᠯᠡᠳᠪᠦᠷᠢ ᠶᠢᠨ ᠪᠣᠬᠢᠷᠲᠤᠯ ᠦᠭᠡᠢ ᠪᠠᠷ ᠵᠢᠱᠢᠶ᠎ᠡ ᠦᠵᠡᠭᠦᠯᠵᠦ ᠡᠭᠦᠳᠦᠨ ᠪᠠᠶᠢᠭᠤᠯᠬᠤ ᠠᠵᠢᠯᠯᠠᠭ᠎ᠠ ᠶᠢ ᠢᠳᠡᠪᠬᠢᠲᠡᠢ ᠪᠠᠷ ᠥᠷᠨᠢᠭᠦᠯᠦᠨ᠂ ᠤᠯᠤᠰ ᠤᠨ ᠳᠡᠰ ᠪᠠ | ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠬᠢᠷᠲᠤᠯ ᠦᠭᠡᠢ ᠠᠵᠤ ᠦᠢᠯᠡᠳᠪᠦᠷᠢ ᠶᠢ 50᠂ ᠪᠣᠬᠢᠷᠲᠤᠯ ᠦᠭᠡᠢ ᠬᠦᠷᠢᠶᠡᠯᠡᠩ ᠲᠣᠭᠤᠷᠢᠭ ᠢ 10᠂ ᠪᠣᠬᠢᠷᠲᠤᠯ | ᠦᠭᠡᠢ ᠦᠢᠯᠡᠳᠬᠦᠨ ᠢ 20᠂ ᠪᠣᠬᠢᠷᠲᠤᠯ ᠦᠭᠡᠢ ᠬᠠᠩᠭᠠᠯᠭ᠎ᠠ ᠶᠢᠨ ᠬᠡᠯᠬᠢᠶᠡᠰᠦ ᠶᠢ 3 ᠳᠤ ᠬᠦᠷᠭᠡᠵᠡᠢ᠃ | ᠪᠣᠬᠢᠷᠲᠤᠯ ᠦᠭᠡᠢ ᠪᠠᠷᠢᠯᠭ᠎ᠠ ᠶᠢ ᠶᠡᠭᠡ ᠪᠠᠷ ᠬᠥᠭᠵᠢᠭᠦᠯᠦᠨ᠂ ︽13 · 5︾ ᠶᠢᠨ ᠡᠮᠦᠨ᠎ᠡ ᠭᠤᠷᠪᠠᠨ ᠵᠢᠯ ᠳᠤ ᠨᠡᠶᠢᠲᠡ 3066 ᠲᠦᠮᠡᠨ ᠺᠦᠸᠠᠳ᠋ ᠮᠧᠲᠷ | ᠲᠠᠯᠠᠪᠠᠢ ᠲᠠᠢ 2653 ᠵᠦᠢᠯ ᠤᠨ ᠪᠣᠬᠢᠷᠲᠤᠯ ᠦᠭᠡᠢ ᠪᠠᠷᠢᠯᠭ᠎ᠠ ᠶᠢ ᠰᠢᠨ᠎ᠡ ᠪᠠᠷ ᠪᠠᠶᠢᠭᠤᠯᠵᠤ᠂ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ | ᠥᠭᠡᠷᠡᠴᠢᠯᠡᠯᠲᠡ ᠵᠠᠰᠠᠯᠲᠠ ᠶᠢ 1187 ᠲᠦᠮᠡᠨ ᠺᠦᠸᠠᠳ᠋ ᠮᠧᠲᠷ ᠬᠡᠷᠡᠭᠵᠢᠭᠦᠯᠪᠡ᠃ ᠣᠯᠠᠨ ᠬᠡᠯᠪᠡᠷᠢ ᠪᠠᠷ ᠬᠤᠯᠪᠣᠭᠠᠯᠠᠨ ᠲᠡᠭᠡᠭᠡᠪᠦᠷᠢᠯᠡᠬᠦ ᠪᠠ ᠰᠠᠯᠭᠠᠨ ᠵᠠᠯᠭᠠᠵᠤ | ᠲᠡᠭᠡᠭᠡᠪᠦᠷᠢᠯᠡᠬᠦ ᠵᠡᠷᠭᠡ ᠲᠡᠭᠡᠭᠡᠪᠦᠷᠢᠯᠡᠨ ᠵᠣᠬᠢᠶᠠᠨ ᠪᠠᠶᠢᠭᠤᠯᠬᠤ ᠲᠡᠷᠢᠭᠦᠨ ᠤ ᠠᠷᠭ᠎ᠠ ᠬᠡᠯᠪᠡᠷᠢ ᠶᠢ ᠢᠳᠡᠪᠬᠢᠲᠡᠢ ᠪᠠᠷ ᠠᠬᠢᠭᠤᠯᠵᠤ᠂ ᠤᠯᠤᠰ ᠤᠨ ᠣᠯᠠᠨ ᠬᠡᠯᠪᠡᠷᠢ ᠪᠠᠷ | ᠬᠤᠯᠪᠣᠭᠠᠯᠠᠨ ᠲᠡᠭᠡᠭᠡᠪᠦᠷᠢᠯᠡᠵᠦ ᠵᠢᠱᠢᠶ᠎ᠡ ᠦᠵᠡᠭᠦᠯᠬᠦ ᠶᠢ ᠬᠡᠷᠡᠭᠵᠢᠭᠦᠯᠦᠭᠰᠡᠨ 2 ᠵᠦᠢᠯ ᠤᠨ ᠢᠨᠵᠧᠨᠧᠷᠢᠩ᠂ 3 ᠠᠵᠤ ᠠᠬᠤᠶᠢᠯᠠᠯ ᠢ ᠤᠯᠤᠰ ᠤᠨ ᠳᠡᠰ ᠤᠨ ᠰᠠᠯᠭᠠᠨ | ᠵᠠᠯᠭᠠᠵᠤ ᠲᠡᠭᠡᠭᠡᠪᠦᠷᠢᠯᠡᠬᠦ ᠲᠤᠷᠰᠢᠯᠲᠠ ᠶᠢᠨ ᠴᠡᠭ ᠲᠤ ᠵᠢᠭᠰᠠᠭᠠᠨ ᠣᠷᠣᠭᠤᠯᠵᠤ᠂ ᠰᠠᠯᠭᠠᠨ ᠵᠠᠯᠭᠠᠵᠤ ᠲᠡᠭᠡᠭᠡᠪᠦᠷᠢᠯᠡᠬᠦ ᠵᠠᠮ ᠱᠤᠭᠤᠮ ᠢ 20 ᠰᠢᠬᠠᠮ ᠵᠤᠷᠪᠤᠰ | ᠨᠡᠪᠲᠡᠷᠡᠭᠦᠯᠵᠦ᠂ ᠣᠷᠣᠨ ᠤ ᠳᠣᠲᠣᠷ᠎ᠠ ᠪᠠ ᠡᠷᠭᠢᠨ ᠲᠣᠭᠤᠷᠢᠨ ᠤ ᠳᠣᠯᠣᠭᠠᠨ ᠮᠤᠵᠢ ᠣᠷᠣᠨ ᠬᠤᠲᠠ ᠳᠤ ᠬᠤᠯᠪᠣᠭᠳᠠᠭᠤᠯᠪᠠ᠃ ᠲᠡᠷᠭᠡ ᠦᠭᠡᠢ ᠲᠡᠭᠡᠭᠡᠪᠦᠷᠢᠯᠡᠭᠴᠢ ᠶᠢᠨ | ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠡᠢ᠃ | ᠡᠷᠭᠢᠯᠲᠡᠲᠦ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠂ ︽ᠬᠦᠷᠢᠶᠡᠯᠡᠩ ᠲᠣᠭᠤᠷᠢᠭ ᠤᠨ ᠡᠷᠭᠢᠯᠳᠦᠭᠦᠯᠦᠨ ᠥᠭᠡᠷᠡᠴᠢᠯᠡᠵᠦ ᠵᠠᠰᠠᠬᠤ ᠠᠵᠢᠯᠯᠠᠭ᠎ᠠ ᠶᠢᠨ | ᠵᠦᠭᠯᠡᠭᠦᠷ︾ ᠢ ᠲᠣᠭᠲᠠᠭᠠᠵᠤ᠂ ᠬᠦᠷᠢᠶᠡᠯᠡᠩ ᠲᠣᠭᠤᠷᠢᠭ ᠤᠨ ᠡᠷᠭᠢᠯᠳᠦᠭᠦᠯᠦᠭᠰᠡᠨ ᠥᠭᠡᠷᠡᠴᠢᠯᠡᠯᠲᠡ ᠵᠠᠰᠠᠯᠲᠠ᠂ ︽ᠬᠤᠲᠠ ᠶᠢᠨ ᠠᠭᠤᠷᠬᠠᠢ ᠶᠢᠨ ᠭᠠᠷᠤᠯᠲᠠ︾ ᠶᠢᠨ | ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠠᠶᠢᠭᠤᠯᠤᠯᠲᠠ ᠪᠠ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠲᠤᠷᠰᠢᠯᠲᠠ ᠶᠢᠨ ᠴᠡᠭ ᠨᠢ ᠢᠳᠡᠪᠬᠢᠲᠡᠢ | ᠠᠬᠢᠯᠲᠠ ᠲᠠᠢ ᠪᠣᠯᠪᠠ᠃ ᠪᠡᠭᠡᠵᠢᠩ ᠥᠪᠥᠷ ᠮᠣᠩᠭᠤᠯ᠂ ᠪᠤᠭᠤᠲᠤ — ᠱᠧᠨᠵᠧᠨ ᠤ ᠣᠷᠣᠨ ᠪᠦᠰᠡ ᠠᠯᠤᠰᠯᠠᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ | ᠰᠣᠯᠢᠯᠴᠠᠭᠠᠨ ᠤ ᠲᠤᠷᠰᠢᠯᠲᠠ ᠶᠢᠨ ᠴᠡᠭ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠤᠯᠤᠰ ᠤᠨ ᠨᠡᠭᠦᠷᠡᠰᠦᠲᠥ᠋ᠷᠥᠭᠴᠢ ᠶᠢᠨ ᠰᠣᠯᠢᠯᠴᠠᠭᠠᠨ ᠤ ᠪᠠᠶᠢᠭᠤᠯᠤᠯᠲᠠ ᠶᠢᠨ | ᠰᠠᠭᠤᠷᠢ ᠠᠵᠢᠯ ᠢ ᠢᠳᠡᠪᠬᠢᠲᠡᠢ ᠠᠬᠢᠭᠤᠯᠵᠤ᠂ ᠬᠥᠯᠥᠨ ᠪᠣᠶᠢᠷ ᠬᠤᠲᠠ ᠪᠠ ᠦᠬᠠᠢ ᠬᠤᠲᠠ ᠵᠡᠷᠭᠡ ᠳᠣᠣᠷ᠎ᠠ ᠨᠡᠭᠦᠷᠡᠰᠦᠲᠥ᠋ᠷᠥᠭᠴᠢ ᠶᠢᠨ ᠬᠤᠲᠠ᠂ ᠠᠭᠤᠷ ᠠᠮᠢᠰᠬᠤᠯ | ᠲᠠᠢ ᠵᠣᠬᠢᠴᠠᠯᠳᠤᠬᠤ ᠬᠡᠯᠪᠡᠷᠢ ᠶᠢᠨ ᠬᠤᠲᠠ ᠪᠣᠯᠬᠤ ᠬᠥᠬᠡᠬᠤᠲᠠ᠂ ᠤᠯᠤᠰ ᠤᠨ ᠳᠣᠣᠷ᠎ᠠ ᠨᠡᠭᠦᠷᠡᠰᠦᠲᠥ᠋ᠷᠥᠭᠴᠢᠲᠦ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ | ᠪᠣᠯᠬᠤ ᠤᠯᠠᠭᠠᠨᠬᠠᠳᠠ ᠶᠢᠨ ᠬᠤᠩ ᠱᠠᠨ ᠠᠵᠤ ᠠᠬᠤᠢ ᠶᠢᠨ ᠨᠡᠭᠡᠭᠡᠨ ᠬᠥᠭᠵᠢᠭᠦᠯᠬᠦ ᠣᠷᠣᠨ᠂ ᠣᠲᠤᠭ ᠤᠨ ᠠᠵᠤ ᠠᠬᠤᠢ ᠶᠢᠨ ᠨᠡᠭᠡᠭᠡᠨ ᠬᠥᠭᠵᠢᠭᠦᠯᠬᠦ ᠣᠷᠣᠨ ᠪᠠ | ᠦᠬᠠᠢ ᠶᠢᠨ ᠠᠵᠤ ᠠᠬᠤᠢ ᠶᠢᠨ ᠨᠡᠭᠡᠭᠡᠨ ᠬᠥᠭᠵᠢᠭᠦᠯᠬᠦ ᠣᠷᠣᠨ ᠵᠡᠷᠭᠡ ᠳᠣᠣᠷ᠎ᠠ ᠨᠡᠭᠦᠷᠡᠰᠦᠲᠥ᠋ᠷᠥᠭᠴᠢᠲᠦ ᠵᠢᠱᠢᠶ᠎ᠡ ᠦᠵᠡᠭᠦᠯᠬᠦ ᠲᠤᠷᠰᠢᠯᠲᠠ ᠶᠢᠨ ᠴᠡᠭ ᠤᠨ | ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠠᠢ᠃ | ᠬᠥᠲᠥᠯᠥᠭᠴᠢ᠄ | ᠶᠡᠷᠦᠩᠬᠡᠢ ᠱᠦᠵᠢ ᠰᠢ ᠶᠢᠨ ᠫᠢᠩ ᠠᠴᠠ ᠮᠠᠨ ᠤ ᠣᠷᠣᠨ ᠢ ᠵᠣᠷᠢᠭᠲᠠᠢ ᠪᠠᠷ ᠤᠷᠢᠳ ᠢᠶᠠᠷ ᠬᠡᠷᠡᠭᠵᠢᠭᠦᠯᠦᠨ ᠤᠷᠢᠳ ᠢᠶᠠᠷ ᠲᠤᠷᠰᠢᠵᠤ᠂ ᠦᠷᠭᠦᠯᠵᠢᠯᠡᠬᠦᠶᠢᠴᠡ 365赢多少钱会被限额_国内有真正的365平台吗_365bet博彩官网 | ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠦᠷᠢᠮ ᠢ ᠢᠳᠡᠪᠬᠢᠲᠡᠢ ᠪᠠᠷ ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ᠃ ᠲᠡᠭᠡᠪᠡᠯ ᠮᠠᠨ ᠤ | ᠣᠷᠣᠨ ᠠᠴᠠ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠪᠠᠶᠢᠭᠤᠯᠤᠯᠲᠠ ᠶᠢᠨ ᠲᠠᠯ᠎ᠠ ᠪᠠᠷ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠪᠣᠢ︖ | ᠸᠠᠩ ᠶᠢᠨ ᠪᠣᠤ᠄ | ᠶᠡᠷᠦᠩᠬᠡᠢ ᠱᠦᠵᠢ ᠰᠢ ᠶᠢᠨ ᠫᠢᠩ ᠤᠨ ᠱᠠᠭᠠᠷᠳᠠᠯᠭ᠎ᠠ ᠶᠣᠰᠣᠭᠠᠷ᠂ ᠮᠠᠨ ᠤ ᠣᠷᠣᠨ ᠠᠴᠠ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠪᠠᠶᠢᠭᠤᠯᠤᠯᠲᠠ ᠶᠢ | ᠲᠦᠷᠭᠡᠳᠬᠡᠬᠦ ᠪᠠᠷ ᠢᠳᠡᠪᠬᠢᠲᠡᠢ ᠰᠦᠪᠡᠭᠴᠢᠯᠡᠪᠡ᠃ 2014 ᠣᠨ ᠳᠤ᠂ ᠮᠠᠨ ᠤ ᠣᠷᠣᠨ ︽ᠠᠮᠢ ᠠᠬᠤᠢ ᠶᠢᠨ ᠪᠣᠯᠪᠠᠰᠤᠨ ᠤ ᠳᠦᠷᠢᠮ ᠤᠨ ᠪᠠᠶᠢᠭᠤᠯᠤᠯᠲᠠ ᠪᠠ | ᠥᠭᠡᠷᠡᠴᠢᠯᠡᠯᠲᠡ ᠶᠢ ᠲᠦᠷᠭᠡᠳᠬᠡᠬᠦ ᠲᠤᠬᠠᠢ ᠰᠠᠨᠠᠯ︾ ᠢ ᠤᠯᠤᠰ ᠠᠴᠠ ᠤᠷᠢᠳ ᠢᠶᠠᠷ ᠨᠡᠶᠢᠲᠡᠯᠡᠵᠦ᠂ 93 ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠦᠬᠦ | ᠲᠠᠯ᠎ᠠ ᠪᠠᠷ ᠡᠬᠢᠯᠡᠭᠦᠯᠪᠡ᠃ ᠶᠡᠷᠦᠩᠬᠡᠢ ᠱᠦᠵᠢ ᠰᠢ ᠶᠢᠨ ᠫᠢᠩ ᠠᠴᠠ ᠮᠠᠨ ᠤ ᠣᠷᠣᠨ ᠳᠤ ᠬᠦᠰᠡᠯ ᠨᠠᠶᠢᠳᠠᠯᠭ᠎ᠠ ᠲᠠᠯᠪᠢᠭᠰᠠᠨ ᠤᠷᠢᠳ ᠢᠶᠠᠷ ᠬᠡᠷᠡᠭᠵᠢᠭᠦᠯᠵᠦ | ᠤᠷᠢᠳ ᠢᠶᠠᠷ ᠲᠤᠷᠰᠢᠬᠤ ᠭᠤᠷᠪᠠᠨ ᠵᠦᠢᠯ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠵᠤ᠂ ᠪᠦᠬᠦ ᠤᠯᠤᠰ ᠤᠨ ᠡᠮᠦᠨ᠎ᠡ ᠡᠩᠨᠡᠭᠡᠨ ᠳᠤ ᠭᠠᠪᠰᠢᠭᠠᠶᠢᠯᠠᠨ᠂ ︽ | ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠪᠣᠳᠠᠲᠤ ᠪᠣᠳᠠᠰ ᠤᠨ ᠬᠡᠮᠵᠢᠶᠡᠨ ᠤ ᠬᠤᠪᠢᠷᠠᠯᠲᠠ ᠶᠢᠨ ᠬᠦᠰᠦᠨᠦᠭ ᠢ ᠨᠠᠶᠢᠷᠠᠭᠤᠯᠤᠨ ᠵᠣᠬᠢᠶᠠᠬᠤ ᠠᠵᠢᠯ ᠤᠨ | ᠲᠥᠰᠥᠯ︾ ᠢ ᠨᠡᠶᠢᠲᠡᠯᠡᠵᠦ᠂ ᠪᠦᠬᠦ ᠣᠷᠣᠨ ᠤ ᠭᠠᠵᠠᠷ ᠰᠢᠷᠣᠢ᠂ ᠣᠢ ᠮᠣᠳᠣ᠂ ᠨᠤᠲᠤᠭ ᠪᠡᠯᠴᠢᠭᠡᠷ᠂ ᠤᠰᠤ ᠪᠠ ᠠᠭᠤᠷᠬᠠᠢ ᠶᠢᠨ ᠭᠠᠷᠤᠯᠲᠠ ᠵᠡᠷᠭᠡ ᠡᠬᠢ | ᠪᠠᠶᠠᠯᠢᠭ ᠤᠨ ᠪᠣᠳᠠᠲᠤ ᠪᠣᠳᠠᠰ ᠤᠨ ᠬᠡᠮᠵᠢᠶᠡᠨ ᠤ ᠬᠤᠪᠢᠷᠠᠯᠲᠠ ᠶᠢᠨ ᠬᠦᠰᠦᠨᠦᠭ ᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠵᠦ᠂ ᠮᠠᠨ ᠤ ᠣᠷᠣᠨ ᠤ ᠭᠤᠣᠯ | ᠪᠣᠯᠬᠤ ᠡᠬᠢ ᠪᠠᠶᠠᠯᠢᠭ ᠤᠨ ᠬᠠᠳᠠᠭᠠᠯᠠᠭᠳᠠᠴᠠ᠂ ᠶᠠᠰᠤ ᠴᠢᠨᠠᠷ ᠵᠢᠴᠢ ᠨᠡᠮᠡᠭᠳᠡᠵᠦ ᠬᠠᠰᠤᠭᠳᠠᠭᠰᠠᠨ ᠬᠤᠪᠢᠷᠠᠯᠲᠠ ᠶᠢᠨ ᠪᠠᠶᠢᠳᠠᠯ ᠢ ᠦᠨᠳᠦᠰᠦᠨ ᠳᠤ ᠪᠠᠨ ᠲᠤᠰᠬᠠᠪᠠ︔ | ︽ᠤᠳᠤᠷᠢᠳᠬᠤ ᠺᠠᠳ᠋ᠷᠴᠤᠳ ᠤᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ᠦᠶ᠎ᠡ ᠶᠢᠨ ᠬᠢᠨᠠᠯᠲᠠ ᠪᠣᠳᠣᠯᠲᠠ ᠶᠢ | ᠠᠵᠢᠯᠯᠠᠭᠤᠯᠬᠤ ᠵᠦᠭᠯᠡᠭᠦᠷ︾ ᠢ ᠲᠣᠭᠲᠠᠭᠠᠵᠤ᠂ ᠭᠠᠵᠠᠷ ᠰᠢᠷᠣᠢ᠂ ᠨᠤᠲᠤᠭ ᠪᠡᠯᠴᠢᠭᠡᠷ᠂ ᠣᠢ ᠰᠢᠭᠤᠢ᠂ ᠤᠰᠤ᠂ ᠠᠭᠤᠷᠬᠠᠢ ᠶᠢᠨ ᠭᠠᠷᠤᠯᠲᠠ᠂ ᠤᠰᠤᠨ ᠤ ᠣᠷᠴᠢᠨ | ᠲᠣᠭᠤᠷᠢᠨ᠂ ᠬᠥᠷᠥᠰᠥ ᠰᠢᠷᠣᠢ ᠶᠢᠨ ᠣᠷᠴᠢᠨ ᠲᠣᠭᠤᠷᠢᠨ᠂ ᠠᠭᠠᠷ ᠮᠠᠨᠳᠠᠯ ᠤᠨ ᠣᠷᠴᠢᠨ ᠲᠣᠭᠤᠷᠢᠨ ᠵᠡᠷᠭᠡ ᠲᠠᠯ᠎ᠠ ᠶᠢᠨ ᠳᠡᠯᠭᠡᠷᠡᠭᠦᠯᠵᠦ ᠪᠣᠯᠬᠤᠶᠢᠴᠠ᠂ ᠵᠢᠷᠤᠮᠯᠠᠨ | ᠳᠠᠭᠠᠵᠤ ᠪᠣᠯᠬᠤᠶᠢᠴᠠ ᠠᠵᠢᠯ ᠤᠨ ᠰᠡᠳᠬᠢᠮᠵᠢ ᠵᠢᠴᠢ ᠬᠢᠳᠡᠯ ᠢ ᠠᠩᠬ᠎ᠠ ᠠᠯᠬᠤᠮ ᠪᠦᠷᠢᠯᠳᠦᠭᠦᠯᠪᠡ︔ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ | ᠵᠠᠰᠠᠭ ᠤᠨ ᠤᠳᠤᠷᠢᠳᠬᠤ ᠺᠠᠳ᠋ᠷᠴᠤᠳ ᠤᠨ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠪᠡᠯ ᠬᠠᠷᠢᠭᠤᠴᠠᠯᠭ᠎ᠠ ᠨᠡᠬᠡᠮᠵᠢᠯᠡᠬᠦ ᠶᠢᠨ ᠬᠡᠷᠡᠭᠵᠢᠭᠦᠯᠬᠦ ᠨᠠᠷᠢᠨ ᠳᠦᠷᠢᠮ ︵ | ᠲᠤᠷᠰᠢᠨ ᠬᠡᠷᠡᠭᠵᠢᠭᠦᠯᠬᠦ︶︾ ᠢ ᠳᠠᠷᠤᠮᠠᠯᠯᠠᠨ ᠲᠠᠷᠬᠠᠭᠠᠵᠤ᠂ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠡᠢ᠃ | ᠡᠭᠦᠨ ᠤ ᠬᠠᠮᠲᠤ᠂ ᠨᠤᠲᠤᠭ ᠳᠡᠪᠢᠰᠬᠡᠷ ᠤᠨ ᠣᠷᠣᠨ ᠵᠠᠢ ᠶᠢ ᠬᠠᠮᠢᠶᠠᠷᠤᠨ ᠡᠵᠡᠮᠳᠡᠬᠦ᠂ ᠠᠮᠢ ᠠᠬᠤᠢ ᠶᠢᠨ ᠤᠯᠠᠭᠠᠨ ᠱᠤᠭᠤᠮ ᠢ ᠬᠤᠪᠢᠶᠠᠷᠢᠯᠠᠨ ᠲᠣᠭᠲᠠᠭᠠᠬᠤ᠂ | ᠤᠯᠤᠰ ᠤᠨ ᠥᠮᠴᠢᠯᠡᠯᠲᠦ ᠣᠢ ᠰᠢᠭᠤᠢ ᠶᠢᠨ ᠣᠷᠣᠨ ᠲᠠᠯᠠᠪᠠᠢ ᠳᠤ ᠥᠭᠡᠷᠡᠴᠢᠯᠡᠯᠲᠡ ᠬᠢᠬᠦ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠵᠡᠷᠭᠡ | ᠳᠦᠷᠢᠮ ᠤᠨ ᠪᠠᠶᠢᠭᠤᠯᠤᠯᠲᠠ ᠶᠢᠨ ᠲᠠᠯ᠎ᠠ ᠪᠠᠷ ᠢᠳᠡᠪᠬᠢᠲᠡᠢ ᠠᠬᠢᠯᠲᠠ ᠲᠠᠢ ᠪᠣᠯᠪᠠ᠃ ︽ᠥᠪᠡᠷᠲᠡᠭᠡᠨ ᠵᠠᠰᠠᠬᠤ ᠣᠷᠣᠨ ᠤ ᠭᠤᠣᠯ ᠴᠣᠭᠴᠠᠲᠤ ᠴᠢᠳᠠᠮᠵᠢ ᠶᠢᠨ | ᠣᠷᠣᠨ ᠢ ᠲᠥᠯᠥᠪᠵᠢᠭᠦᠯᠬᠦ ᠲᠤᠬᠠᠢ ᠬᠡᠷᠡᠭᠵᠢᠭᠦᠯᠬᠦ ᠰᠠᠨᠠᠯ︾ ᠢ ᠲᠣᠭᠲᠠᠭᠠᠵᠤ᠂ ︽ᠣᠯᠠᠨ ᠲᠣᠭᠲᠠᠭᠠᠯ ᠢ ᠨᠢᠭᠡ ᠪᠣᠯᠭᠠᠬᠤ︾ ᠥᠭᠡᠷᠡᠴᠢᠯᠡᠯᠲᠡ ᠶᠢᠨ ᠲᠤᠷᠰᠢᠯᠲᠠ ᠶᠢᠨ | ᠴᠡᠭ ᠢ ᠥᠷᠨᠢᠭᠦᠯᠪᠡ᠃ 43 ᠬᠤᠰᠢᠭᠤ ᠰᠢᠶᠠᠨ ︵ᠬᠤᠲᠠ ᠲᠣᠭᠤᠷᠢᠭ︶ ᠪᠠ 9 ᠰᠢᠶᠠᠩ ᠪᠠᠯᠭᠠᠰᠤ ︵ᠰᠤᠮᠤ︶᠂ ᠨᠤᠲᠤᠭ ᠳᠡᠪᠢᠰᠬᠡᠷ ᠤᠨ ᠲᠠᠯᠠᠪᠠᠢ ᠶᠢᠨ 77% ᠶᠢ | ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠢᠶᠠᠷ ᠬᠤᠪᠢᠶᠠᠷᠢᠯᠠᠨ ᠰᠠᠯᠭᠠᠪᠠ᠃ ︽ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ | ᠣᠷᠣᠨ ᠳᠤ ᠠᠵᠤ ᠦᠢᠯᠡᠰ ᠢ ᠵᠥᠪᠰᠢᠶᠡᠷᠡᠨ ᠣᠷᠣᠭᠤᠯᠬᠤ ᠬᠤᠷᠢᠭ᠎ᠠ ᠱᠤᠭᠤᠮ ᠤᠨ ᠨᠠᠷᠢᠨ ᠬᠠᠭᠤᠳᠠᠰᠤ︾ ᠶᠢ ᠳᠠᠷᠤᠮᠠᠯᠯᠠᠨ ᠲᠠᠷᠬᠠᠭᠠᠪᠠ᠃ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠬᠤᠪᠢᠶᠠᠷᠢᠯᠠᠨ ᠲᠣᠭᠲᠠᠭᠠᠬᠤ ᠲᠥᠰᠥᠯ ︵ᠬᠢᠨᠠᠭᠤᠯᠬᠤ ᠨᠣᠣᠷᠠᠭ︶︾ ᠢ | ᠨᠠᠶᠢᠷᠠᠭᠤᠯᠤᠨ ᠵᠣᠬᠢᠶᠠᠵᠤ ᠳᠠᠭᠤᠰᠬᠠᠭᠠᠳ᠂ 60.79 ᠲᠦᠮᠡᠨ ᠺᠦᠸᠠᠳ᠋ ᠺᠢᠯᠣᠮᠧᠲᠷ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠬᠤᠪᠢᠶᠠᠷᠢᠯᠠᠨ | ᠲᠣᠭᠲᠠᠭᠠᠵᠤ᠂ ᠡᠨᠡ ᠨᠢ ᠪᠦᠬᠦ ᠣᠷᠣᠨ ᠤ ᠨᠤᠲᠤᠭ ᠳᠡᠪᠢᠰᠬᠡᠷ ᠤᠨ ᠲᠠᠯᠠᠪᠠᠢ ᠶᠢᠨ 51.39% ᠶᠢ ᠡᠵᠡᠯᠡᠪᠡ᠃ ᠤᠯᠤᠰ ᠤᠨ ᠥᠮᠴᠢᠯᠡᠯᠲᠦ ᠣᠶᠢᠲᠤ ᠣᠷᠣᠨ ᠤ | ᠥᠭᠡᠷᠡᠴᠢᠯᠡᠯᠲᠡ ᠨᠢ ᠪᠦᠬᠦ ᠤᠯᠤᠰ ᠤᠨ ᠡᠮᠦᠨ᠎ᠡ ᠡᠩᠨᠡᠭᠡᠨ ᠳᠤ ᠣᠷᠣᠵᠤ᠂ ᠪᠠᠶᠢᠭᠠᠯᠢ ᠶᠢᠨ ᠣᠢ ᠶᠢ ᠬᠤᠳᠠᠯᠳᠤᠭᠠᠨ ᠤ ᠴᠢᠨᠠᠷᠲᠠᠢ ᠪᠠᠷ ᠣᠭᠲᠣᠯᠬᠤ ᠶᠢ ᠪᠦᠬᠦ ᠲᠠᠯ᠎ᠠ ᠪᠠᠷ | ᠵᠣᠭᠰᠣᠭᠠᠵᠤ᠂ ᠣᠢ ᠰᠢᠭᠤᠢ ᠶᠢᠨ ᠦᠢᠯᠡᠳᠪᠦᠷᠢ ᠶᠢᠨ ᠠᠵᠤ ᠠᠬᠤᠶᠢᠯᠠᠯ ᠠᠴᠠ ᠨᠡᠶᠢᠭᠡᠮ ᠤᠨ ᠠᠵᠢᠯ ᠢ ᠡᠷᠬᠢᠯᠡᠬᠦ ᠶᠢ ᠪᠦᠬᠦ ᠲᠠᠯ᠎ᠠ ᠪᠠᠷ ᠰᠠᠯᠭᠠᠪᠠ︔ ᠤᠯᠤᠰ ᠤᠨ | ᠥᠮᠴᠢᠯᠡᠯᠲᠦ ᠣᠢ ᠰᠢᠭᠤᠢ ᠶᠢᠨ ᠲᠠᠯᠠᠪᠠᠢ ᠶᠢᠨ ᠥᠭᠡᠷᠡᠴᠢᠯᠡᠯᠲᠡ ᠶᠢᠨ ᠡᠭᠦᠷᠭᠡ ᠶᠢ ᠦᠨᠳᠦᠰᠦᠨ ᠳᠤ ᠪᠠᠨ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ ᠠᠴᠠ ︽ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠬᠠᠷᠠᠯᠲᠠ ᠶᠢᠨ ᠦᠨᠡᠯᠡᠯᠲᠡ ᠬᠢᠵᠦ ᠰᠢᠯᠭᠠᠨ ᠬᠢᠨᠠᠬᠤ ᠠᠷᠭ᠎ᠠ︾᠂ ︽ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠬᠠᠷᠠᠯᠲᠠ ᠶᠢᠨ ᠰᠢᠯᠭᠠᠨ ᠬᠢᠨᠠᠬᠤ ᠰᠢᠰᠲ᠋ᠧᠮᠵᠢ︾ ︽ᠪᠣᠬᠢᠷᠲᠤᠯ ᠦᠭᠡᠢ ᠪᠠᠷ ᠬᠥᠭᠵᠢᠭᠦᠯᠬᠦ ᠭᠦᠢᠴᠡᠳᠬᠡᠯ ᠲᠣᠭᠠᠨ ᠤ ᠰᠢᠰᠲ᠋ᠧᠮᠵᠢ︾᠂ ︽ᠭᠤᠣᠯ | ᠮᠥᠷᠡᠨ ᠤ ᠠᠵᠢᠯ ᠢ ᠬᠠᠷᠢᠭᠤᠴᠠᠬᠤ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠠᠬᠢᠭᠤᠯᠬᠤ ᠠᠵᠢᠯ ᠤᠨ ᠲᠥᠰᠥᠯ︾᠂ ︽ᠨᠠᠭᠤᠷ ᠴᠥᠭᠦᠷᠥᠮ ᠤᠨ ᠠᠵᠢᠯ ᠢ | ᠬᠠᠷᠢᠭᠤᠴᠠᠬᠤ ᠳᠠᠷᠤᠭ᠎ᠠ ᠶᠢᠨ ᠳᠦᠷᠢᠮ ᠢ ᠬᠡᠷᠡᠭᠵᠢᠭᠦᠯᠬᠦ ᠠᠵᠢᠯ ᠤᠨ ᠲᠥᠰᠥᠯ︾᠂ ︽ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠪᠡᠯ ᠲᠥᠯᠥᠪᠦᠷᠢ ᠠᠪᠬᠤ | ᠳᠦᠷᠢᠮ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ︾ ᠵᠡᠷᠭᠡ ᠠᠯᠢ ᠣᠯᠠᠨ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠲᠣᠭᠲᠠᠭᠠᠨ ᠨᠡᠶᠢᠲᠡᠯᠡᠪᠡ᠃ | ᠰᠢᠰᠲ᠋ᠧᠮ ᠨᠢ ᠪᠦᠷᠢᠨ ᠲᠥᠬᠦᠷ ᠪᠠ ᠬᠠᠷᠢᠴᠠᠩᠭᠤᠢ ᠲᠡᠭᠦᠯᠳᠡᠷᠵᠢᠭᠰᠡᠨ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠰᠢᠰᠲ᠋ᠧᠮᠵᠢ ᠶᠢ ᠶᠠᠭ ᠰᠠᠶᠢᠬᠠᠨ ᠠᠯᠬᠤᠮ | ᠠᠯᠬᠤᠮ ᠢᠶᠠᠷ ᠪᠠᠶᠢᠭᠤᠯᠵᠤ ᠪᠠᠶᠢᠨ᠎ᠠ᠃ | ᠬᠥᠲᠥᠯᠥᠭᠴᠢ᠄ | ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠴᠢᠬᠤᠯᠠ ᠠᠮᠤᠷ ᠲᠦᠪᠰᠢᠨ ᠤ ᠬᠠᠯᠬᠠᠪᠴᠢ ᠶᠢ ᠴᠣᠭᠴᠠᠯᠠᠨ ᠪᠠᠶᠢᠭᠤᠯᠬᠤ ᠳᠤ᠂ ᠪᠦᠬᠦ ᠨᠡᠶᠢᠭᠡᠮ ᠤᠨ | ᠬᠠᠮᠲᠤ ᠶᠢᠨ ᠴᠢᠷᠮᠠᠶᠢᠯᠭ᠎ᠠ ᠶᠢ ᠱᠠᠭᠠᠷᠳᠠᠵᠤ ᠪᠠᠶᠢᠨ᠎ᠠ᠃ ᠲᠡᠭᠡᠪᠡᠯ ᠮᠠᠨ ᠤ ᠣᠷᠣᠨ ᠠᠴᠠ ᠪᠦᠬᠦ ᠠᠷᠠᠳ ᠤᠨ ᠠᠮᠢ ᠠᠬᠤᠢ ᠶᠢᠨ ᠪᠣᠯᠪᠠᠰᠤᠨ ᠤ ᠦᠵᠡᠯ ᠤᠬᠠᠮᠰᠠᠷ ᠢ | ᠳᠡᠭᠡᠭᠰᠢᠯᠡᠭᠦᠯᠵᠦ᠂ ᠠᠮᠢ ᠠᠬᠤᠢ ᠶᠢᠨ ᠪᠣᠯᠪᠠᠰᠤᠨ ᠢ ᠡᠷᠬᠢᠮᠯᠡᠨ᠂ ᠠᠮᠢ ᠠᠬᠤᠢ ᠶᠢᠨ ᠪᠣᠯᠪᠠᠰᠤᠨ ᠢ ᠪᠠᠶᠢᠭᠤᠯᠬᠤ ᠨᠡᠶᠢᠭᠡᠮ ᠤᠨ ᠰᠠᠶᠢᠨ ᠰᠠᠶᠢᠬᠠᠨ ᠠᠭᠤᠷ ᠠᠮᠢᠰᠬᠤᠯ ᠢ | ᠠᠬᠢᠭᠤᠯᠤᠨ ᠪᠦᠷᠢᠳᠦᠭᠦᠯᠬᠦ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ | ᠪᠣᠢ︖ | ᠸᠠᠩ ᠶᠢᠨ ᠪᠣᠤ᠄ | ᠶᠡᠷᠦᠩᠬᠡᠢ ᠱᠦᠵᠢ ᠰᠢ ᠶᠢᠨ ᠫᠢᠩ ᠤᠨ ︽ᠠᠮᠢ ᠠᠬᠤᠢ ᠶᠢᠨ ᠪᠣᠯᠪᠠᠰᠤᠨ ᠤ ᠤᠬᠠᠭᠤᠯᠭ᠎ᠠ ᠬᠥᠮᠥᠵᠢᠯ ᠢ ᠴᠢᠩᠭᠠᠳᠬᠠᠵᠤ᠂ ᠠᠮᠢ ᠠᠬᠤᠢ ᠶᠢᠨ ᠣᠷᠴᠢᠨ | ᠲᠣᠭᠤᠷᠢᠨ ᠢ ᠬᠠᠶᠢᠷᠠᠯᠠᠨ ᠬᠠᠮᠠᠭᠠᠯᠠᠬᠤ ᠰᠠᠶᠢᠨ ᠰᠠᠶᠢᠬᠠᠨ ᠬᠡᠪ ᠰᠤᠷᠲᠠᠯ ᠢ ᠪᠣᠢ ᠪᠣᠯᠭᠠᠬᠤ ᠬᠡᠷᠡᠭᠲᠡᠢ︾ ᠭᠡᠬᠦ ᠱᠠᠭᠠᠷᠳᠠᠯᠭ᠎ᠠ ᠶᠣᠰᠣᠭᠠᠷ᠂ ᠮᠠᠨ ᠤ ᠣᠷᠣᠨ ᠠᠴᠠ | ᠪᠣᠬᠢᠷᠲᠤᠯ ᠦᠭᠡᠢ ᠥᠪᠥᠷ ᠮᠣᠩᠭᠤᠯ ᠢ ᠪᠦᠲᠦᠭᠡᠨ ᠪᠠᠶᠢᠭᠤᠯᠬᠤ ᠶᠢᠨ ᠲᠣᠭᠤᠷᠢᠨ ᠳᠤ ᠴᠢᠩᠭ᠎ᠠ ᠨᠢᠭᠲᠠᠷᠠᠨ᠂ ︽ᠳᠡᠯᠡᠬᠡᠢ ᠶᠢᠨ ᠣᠷᠴᠢᠨ ᠲᠣᠭᠤᠷᠢᠨ ᠤ ᠡᠳᠦᠷ︾᠂ ︽ | ᠳᠡᠯᠡᠬᠡᠢ ᠶᠢᠨ ᠤᠰᠤᠨ ᠤ ᠡᠳᠦᠷ︾᠂ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ ᠵᠡᠷᠭᠡ ᠠᠮᠢ ᠠᠬᠤᠢ ᠶᠢᠨ ᠪᠣᠯᠪᠠᠰᠤᠨ ᠤ ᠤᠬᠠᠭᠤᠯᠭ᠎ᠠ ᠬᠥᠮᠥᠵᠢᠯ ᠤᠨ | ᠠᠵᠢᠯᠯᠠᠭ᠎ᠠ ᠶᠢ ᠭᠦᠨᠵᠡᠭᠡᠢ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠵᠢᠯ ᠪᠦᠷᠢ ᠶᠢᠨ 7 ᠳ᠋ᠤᠭᠠᠷ ᠰᠠᠷ᠎ᠠ ᠶᠢᠨ | ᠨᠢᠭᠡᠳᠦᠭᠡᠷ ᠭᠠᠷᠠᠭ ᠢ ︽ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠤᠬᠠᠭᠤᠯᠭ᠎ᠠ ᠶᠢᠨ ᠠᠵᠢᠯᠯᠠᠭ᠎ᠠ ᠶᠢᠨ ᠭᠠᠷᠠᠭ︾ ᠢᠶᠠᠷ ᠲᠣᠭᠲᠠᠭᠠᠨ᠂ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠠᠴᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ | ᠠᠬᠢᠭᠤᠯᠤᠭᠰᠠᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠴᠢᠬᠤᠯᠠ ᠶᠡᠭᠡ ᠠᠷᠭ᠎ᠠ ᠬᠡᠮᠵᠢᠶ᠎ᠡ᠂ ᠭᠤᠣᠯ ᠪᠣᠯᠬᠤ ᠦᠷ᠎ᠡ ᠪᠦᠲᠦᠮᠵᠢ᠂ ᠲᠡᠷᠢᠭᠦᠨ ᠤ ᠥᠯᠢᠭᠡᠷ | ᠳᠠᠭᠤᠷᠢᠶᠠᠯ ᠢ ᠶᠡᠭᠡ ᠬᠦᠴᠦᠨ ᠢᠶᠠᠷ ᠤᠬᠠᠭᠤᠯᠵᠤ᠂ ᠡᠬᠢ ᠪᠠᠶᠠᠯᠢᠭ ᠤᠨ ᠣᠷᠴᠢᠨ ᠲᠣᠭᠤᠷᠢᠨ ᠪᠠ ᠤᠯᠤᠰ ᠤᠨ ᠪᠠᠶᠢᠳᠠᠯ᠂ ᠬᠠᠤᠯᠢ ᠴᠠᠭᠠᠵᠠ ᠬᠠᠤᠯᠢ ᠳᠦᠷᠢᠮ᠂ | ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠦᠨ᠂ ᠪᠣᠬᠢᠷᠲᠤᠯ ᠦᠭᠡᠢ ᠦᠢᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠵᠤ᠂ ᠡᠷᠬᠡᠲᠦ | ᠠᠷᠠᠳ ᠤᠨ ᠠᠮᠢ ᠠᠬᠤᠢ ᠶᠢᠨ ᠪᠣᠯᠪᠠᠰᠤᠨ ᠤ ᠦᠵᠡᠯ ᠤᠬᠠᠮᠰᠠᠷ ᠢ ᠬᠥᠲᠥᠯᠥᠨ ᠵᠢᠯᠣᠭᠤᠳᠬᠤ ᠪᠠ ᠬᠥᠮᠥᠵᠢᠭᠦᠯᠪᠡ᠃ ᠡᠭᠦᠨ ᠤ ᠬᠠᠮᠲᠤ ᠤᠬᠠᠭᠤᠯᠭ᠎ᠠ ᠬᠥᠮᠥᠵᠢᠯ ᠢ | ᠪᠠᠶᠢᠭᠤᠯᠭ᠎ᠠ ᠳᠤ ᠣᠷᠣᠭᠤᠯᠬᠤ᠂ ᠮᠠᠯᠵᠢᠬᠤ ᠲᠠᠷᠢᠶᠠᠯᠠᠬᠤ ᠣᠷᠣᠨ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ | ᠰᠤᠷᠭᠠᠭᠤᠯᠢ ᠳᠤ ᠣᠷᠣᠭᠤᠯᠬᠤ᠂ ᠭᠡᠷ ᠪᠦᠯᠢ ᠳᠤ ᠣᠷᠣᠭᠤᠯᠬᠤ ︽ᠵᠢᠷᠭᠤᠭ᠎ᠠ ᠳᠤ ᠣᠷᠣᠭᠤᠯᠬᠤ︾ ᠠᠵᠢᠯᠯᠠᠭ᠎ᠠ ᠶᠢ ᠥᠷᠨᠢᠭᠦᠯᠪᠡ᠃ 2016 ᠣᠨ ᠠᠴᠠ 2018 | ᠣᠨ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠠᠴᠠ ᠭᠤᠷᠪᠠᠨ ᠬᠤᠭᠤᠴᠠᠭᠠᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠤᠬᠠᠭᠤᠯᠭ᠎ᠠ ᠶᠢᠨ | ᠠᠵᠢᠯᠯᠠᠭ᠎ᠠ ᠶᠢᠨ ᠭᠠᠷᠠᠭ ᠢ ᠠᠮᠵᠢᠯᠲᠠ ᠲᠠᠢ ᠡᠷᠬᠢᠯᠡᠵᠦ᠂ ᠪᠦᠬᠦ ᠨᠡᠶᠢᠭᠡᠮ ᠢᠶᠠᠷ ᠢᠶᠠᠨ ᠬᠠᠮᠲᠤ ᠪᠠᠷ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠣᠷᠣᠯᠴᠠᠬᠤ | ᠠᠭᠤᠷ ᠠᠮᠢᠰᠬᠤᠯ ᠢ ᠡᠳᠦᠷ ᠢᠷᠡᠬᠦᠶ᠎ᠡ ᠭᠦᠨ ᠵᠤᠵᠠᠭᠠᠨ ᠪᠣᠯᠭᠠᠪᠠ᠃ ᠡᠨᠡ ᠵᠢᠯ ᠤᠨ 7 ᠳ᠋ᠤᠭᠠᠷ ᠰᠠᠷ᠎ᠠ ᠶᠢᠨ 1 ᠤ ᠡᠳᠦᠷ ᠠᠴᠠ 5 ᠤ ᠡᠳᠦᠷ ᠪᠣᠯᠲᠠᠯ᠎ᠠ᠂ ᠮᠠᠨ ᠤ | ᠣᠷᠣᠨ ᠠᠴᠠ ᠳᠥᠷᠪᠡᠳᠦᠭᠡᠷ ᠬᠤᠭᠤᠴᠠᠭᠠᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠤᠬᠠᠭᠤᠯᠭ᠎ᠠ ᠶᠢᠨ ᠠᠵᠢᠯᠯᠠᠭ᠎ᠠ ᠶᠢᠨ ᠭᠠᠷᠠᠭ ᠢ ᠡᠷᠬᠢᠯᠡᠪᠡ᠃ | ᠤᠬᠠᠭᠤᠯᠭ᠎ᠠ ᠬᠢᠬᠦ ᠪᠠᠷ ᠳᠠᠮᠵᠢᠭᠤᠯᠤᠨ᠂ ︽ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠪᠠᠷ ᠬᠥᠭᠵᠢᠭᠦᠯᠬᠦ︾ ᠣᠨᠣᠯᠵᠢᠬᠤᠨ ᠢ ᠬᠥᠮᠥᠰ ᠤᠨ | ᠰᠡᠳᠬᠢᠯ ᠳᠤ ᠨᠡᠩ ᠭᠦᠨᠵᠡᠭᠡᠢ ᠬᠠᠳᠠᠩᠰᠢᠭᠤᠯᠵᠤ᠂ ᠮᠠᠨ ᠤ ᠣᠷᠣᠨ ᠤ ᠥᠷᠭᠡᠨ ᠣᠯᠠᠨ ᠲᠦᠮᠡᠨ ᠤ ᠠᠮᠢ ᠠᠬᠤᠢ ᠶᠢᠨ ᠪᠣᠯᠪᠠᠰᠤᠨ ᠢ ᠪᠠᠶᠢᠭᠤᠯᠬᠤ ᠦᠵᠡᠯ ᠤᠬᠠᠮᠰᠠᠷ ᠢ | ᠤᠯᠠᠮ ᠨᠢᠭᠡ ᠠᠯᠬᠤᠮ ᠴᠢᠩᠭᠠᠷᠠᠭᠤᠯᠬᠤ ᠪᠠᠷ ᠴᠢᠷᠮᠠᠶᠢᠵᠤ ᠪᠠᠶᠢᠨ᠎ᠠ᠃ | ᠬᠥᠲᠥᠯᠥᠭᠴᠢ᠄ | ᠣᠳᠣᠬᠠᠨ ᠳᠤ᠂ ᠮᠠᠨ ᠤ ᠣᠷᠣᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠠᠵᠢᠯ ᠨᠢ ᠶᠠᠭ ᠰᠠᠶᠢᠬᠠᠨ ᠵᠠᠩᠭᠢᠯᠠᠭ᠎ᠠ ᠶᠢᠨ ᠬᠤᠭᠤᠴᠠᠭ᠎ᠠ᠂ | ᠰᠢᠪᠲᠤᠯᠤᠯᠲᠠ ᠶᠢᠨ ᠬᠤᠭᠤᠴᠠᠭ᠎ᠠ᠂ ᠴᠣᠩᠬᠤᠪᠴᠢ ᠪᠣᠯᠭᠠᠬᠤ ᠬᠤᠭᠤᠴᠠᠭᠠᠨ ᠳᠤ ᠣᠷᠣᠰᠢᠵᠤ᠂ ︽ᠤᠷᠤᠭᠰᠢᠯᠠᠪᠠᠯ ᠳᠠᠷᠤᠢ ᠪᠦᠬᠦ ᠲᠠᠯ᠎ᠠ ᠪᠠᠷ ᠢᠯᠠᠯᠲᠠ ᠣᠯᠵᠤ᠂ | ᠤᠷᠤᠭᠰᠢᠯᠠᠬᠤ ᠦᠭᠡᠢ ᠪᠣᠯ ᠳᠠᠷᠤᠢ ᠤᠬᠤᠷᠢᠬᠤ︾ ᠲᠡᠦᠬᠡ ᠶᠢᠨ ᠵᠠᠩᠭᠢᠯᠠᠭ᠎ᠠ ᠶᠢᠨ ᠴᠠᠭ ᠮᠥᠴᠡ ᠳᠤ ᠤᠷᠤᠭᠰᠢᠯᠠᠨ ᠬᠦᠷᠴᠦ᠂ ᠡᠭᠦᠷᠭᠡ ᠨᠢ ᠨᠡᠩ ᠬᠠᠲᠠᠭᠤ ᠪᠡᠷᠬᠡᠲᠡᠢ | ᠪᠥᠭᠡᠳ ᠬᠦᠨᠳᠦ ᠨᠦᠰᠡᠷ ᠪᠠᠶᠢᠨ᠎ᠠ᠃ ᠲᠡᠭᠡᠪᠡᠯ ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠳᠠᠬᠢ ᠮᠠᠨ ᠤ ᠣᠷᠣᠨ ᠤ ᠠᠵᠢᠯ ᠤᠨ ᠰᠡᠳᠬᠢᠮᠵᠢ ᠪᠠ ᠲᠡᠮᠡᠴᠡᠯ ᠤᠨ | ᠬᠠᠷᠠᠯᠲᠠ ᠨᠢ ᠶᠠᠭᠤ | ᠪᠣᠢ︖ | ᠸᠠᠩ ᠶᠢᠨ ᠪᠣᠤ᠄ | ᠳᠠᠷᠠᠭᠠᠴᠢ ᠶᠢᠨ ᠠᠯᠬᠤᠮ ᠤᠨ ᠠᠵᠢᠯ ᠳᠤ ᠪᠠᠨ᠂ ᠮᠠᠨ ᠤ ᠣᠷᠣᠨ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠢ ᠱᠦᠵᠢ ᠰᠢ | ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠳᠠᠬᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠯᠠᠪᠳᠠᠭᠤᠨ ᠪᠠᠲᠤᠲᠠᠢ ᠰᠤᠷᠤᠯᠴᠠᠨ | ᠲᠤᠭᠤᠰᠢᠯᠠᠭᠤᠯᠵᠤ᠂ ︽ᠨᠣᠮᠢᠨ ᠤᠰᠤ ᠬᠥᠬᠡᠮᠳᠦᠭ ᠠᠭᠤᠯᠠ ᠪᠣᠯ ᠳᠠᠷᠤᠢ ᠠᠯᠲᠠ ᠮᠥᠩᠭᠦᠨ ᠠᠭᠤᠯᠠ ᠮᠥᠨ︾ ᠭᠡᠬᠦ ᠣᠨᠣᠯᠵᠢᠬᠤᠨ ᠢ ᠯᠠᠪᠳᠠᠭᠤᠨ ᠪᠠᠲᠤᠲᠠᠢ ᠪᠣᠢ | ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠭᠡᠳᠦᠯᠲᠡᠢ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ | ᠵᠠᠰᠠᠬᠤ ᠣᠷᠣᠨ ᠤ ︽ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾᠂ ︽ᠠᠮᠢ ᠠᠬᠤᠢ ᠶᠢᠨ | ᠪᠣᠯᠪᠠᠰᠤᠨ ᠤ ᠳᠦᠷᠢᠮ ᠤᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠲᠦᠷᠭᠡᠳᠬᠡᠬᠦ ᠲᠤᠬᠠᠢ ᠰᠠᠨᠠᠯ︾ ᠪᠠ ︽ᠶᠡᠷᠦᠩᠬᠡᠢ ᠱᠦᠵᠢ ᠰᠢ ᠶᠢᠨ ᠫᠢᠩ ᠤᠨ ᠠᠷᠪᠠᠨ | ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠥᠪᠥᠷ ᠮᠣᠩᠭᠤᠯ ᠤᠨ | ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠵᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠲᠤᠬᠠᠢ ᠲᠣᠭᠲᠠᠭᠠᠯ︾ ᠢ ᠠᠬᠢᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠢᠮᠠᠭᠲᠠ ᠪᠠᠲᠤᠯᠠᠨ᠂ ᠠᠮᠢ ᠠᠬᠤᠢ ᠶᠢ ᠤᠷᠢᠳ ᠢᠶᠠᠷ | ᠪᠣᠳᠣᠯᠬᠢᠯᠠᠨ᠂ ᠪᠣᠬᠢᠷᠲᠤᠯ ᠦᠭᠡᠢ ᠪᠠᠷ ᠬᠥᠭᠵᠢᠭᠦᠯᠬᠦ ᠶᠢ ᠪᠠᠷᠢᠮᠲᠠᠯᠠᠵᠤ᠂ ᠵᠢᠮ᠎ᠡ ᠶᠣᠰᠣ ᠶᠢ ᠵᠢᠷᠤᠮᠯᠠᠨ᠂ ᠰᠢᠨᠵᠢᠯᠡᠬᠦ ᠤᠬᠠᠭᠠᠨᠴᠢ ᠪᠠᠷ ᠠᠷᠭ᠎ᠠ ᠪᠣᠳᠣᠯᠭ᠎ᠠ | ᠬᠡᠷᠡᠭᠵᠢᠭᠦᠯᠬᠦ ᠶᠢ ᠪᠠᠷᠢᠮᠲᠠᠯᠠᠵᠤ᠂ ᠠᠰᠠᠭᠤᠳᠠᠯ ᠳᠤ ᠠᠩᠬᠠᠷᠤᠭᠤᠯᠤᠨ ᠲᠥᠪᠯᠡᠷᠡᠭᠦᠯᠵᠦ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠶᠢ ᠪᠠᠷᠢᠮᠲᠠᠯᠠᠨ᠂ ᠳᠦᠷᠢᠮ ᠳᠤ | ᠰᠢᠨ᠎ᠡ ᠶᠢ ᠡᠭᠦᠳᠦᠨ᠂ ᠬᠠᠤᠯᠢ ᠶᠣᠰᠣᠭᠠᠷ ᠵᠠᠰᠠᠯᠲᠠ ᠬᠢᠬᠦ ᠶᠢ ᠪᠠᠷᠢᠮᠲᠠᠯᠠᠵᠤ᠂ ᠲᠥᠪᠯᠡᠷᠡᠭᠦᠯᠦᠨ ᠰᠢᠪᠲᠤᠯᠤᠯᠲᠠ ᠬᠢᠵᠦ᠂ ᠤᠷᠲᠤ ᠬᠤᠭᠤᠴᠠᠭ᠎ᠠ ᠪᠠᠷ ᠵᠢᠳᠬᠦᠯ | ᠦᠵᠡᠭᠦᠯᠬᠦ ᠶᠢ ᠪᠠᠷᠢᠮᠲᠠᠯᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠪᠠ ᠠᠮᠢ ᠠᠬᠤᠢ ᠶᠢᠨ ᠣᠷᠴᠢᠨ ᠲᠣᠭᠤᠷᠢᠨ ᠤ ᠥᠨᠳᠥᠷ ᠬᠢᠷᠢ ᠲᠦᠪᠰᠢᠨ ᠪᠦᠬᠦᠢ | ᠬᠠᠮᠠᠭᠠᠯᠠᠯᠲᠠ ᠶᠢ ᠵᠣᠬᠢᠴᠠᠩᠭᠤᠢ ᠪᠠᠷ ᠠᠬᠢᠭᠤᠯᠤᠨ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠲᠤᠷᠰᠢᠯᠲᠠ ᠶᠢᠨ ᠲᠣᠭᠤᠷᠢᠭ ᠢ ᠡᠭᠦᠳᠦᠨ ᠪᠠᠶᠢᠭᠤᠯᠬᠤ ᠶᠢ | ᠢᠳᠡᠪᠬᠢᠲᠡᠢ ᠪᠠᠷ ᠥᠷᠨᠢᠭᠦᠯᠵᠦ᠂ 2025 ᠣᠨ ᠪᠣᠯᠬᠤ ᠳᠤ ᠪᠦᠬᠦ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠢᠯᠡᠳᠲᠡ ᠰᠠᠶᠢᠵᠢᠷᠠᠭᠤᠯᠤᠨ | ᠂ 2035 ᠣᠨ ᠪᠣᠯᠬᠤ ᠳᠤ ᠦᠨᠳᠦᠰᠦᠨ ᠳᠤ ᠪᠠᠨ ᠰᠠᠶᠢᠵᠢᠷᠠᠭᠤᠯᠬᠤ ᠶᠢ ᠪᠠᠲᠤᠯᠠᠵᠤ᠂ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ | ᠴᠢᠬᠤᠯᠠ ᠠᠮᠤᠷ ᠲᠦᠪᠰᠢᠨ ᠤ ᠬᠠᠯᠬᠠᠪᠴᠢ ᠪᠣᠯᠭᠠᠨ ᠪᠦᠬᠦ ᠬᠦᠴᠦᠨ ᠢᠶᠠᠷ ᠪᠦᠲᠦᠭᠡᠨ ᠪᠠᠶᠢᠭᠤᠯᠵᠤ᠂ ᠡᠬᠡ ᠤᠯᠤᠰ ᠤᠨ ᠤᠮᠠᠷᠠᠲᠤ ᠬᠢᠵᠠᠭᠠᠷ ᠲᠤ ᠲᠦᠮᠡᠨ ᠭᠠᠵᠠᠷ ᠤᠨ | ᠨᠣᠭᠤᠭᠠᠨ ᠥᠩᠭᠡᠲᠦ ᠤᠷᠲᠤ ᠴᠠᠭᠠᠨ ᠬᠡᠷᠡᠮ ᠢ ᠴᠣᠭᠴᠠᠯᠠᠨ ᠪᠠᠶᠢᠭᠤᠯᠵᠤ᠂ ᠡᠬᠡ ᠤᠯᠤᠰ ᠤᠨ ᠤᠮᠠᠷᠠᠲᠤ ᠶᠢᠨ ᠡᠨᠡ ᠬᠦ ᠦᠵᠡᠮᠵᠢ ᠶᠢᠨ ᠣᠷᠣᠨ ᠢ ᠪᠦᠬᠦ ᠬᠦᠴᠦᠨ ᠢᠶᠠᠷ | ᠰᠠᠶᠢᠲᠤᠷ ᠰᠠᠬᠢᠨ ᠬᠠᠮᠠᠭᠠᠯᠠᠨ᠎ᠠ᠃ | ᠬᠥᠲᠥᠯᠥᠭᠴᠢ᠄ | ᠰᠠᠶᠢᠨ ᠪᠣᠯᠣᠯ᠎ᠠ᠂ ᠸᠠᠩ ᠡᠷᠬᠢᠯᠡᠭᠴᠢ ᠶᠢᠨ ᠲᠠᠶᠢᠯᠤᠮᠵᠢ ᠳᠤ ᠲᠤᠩ ᠪᠠᠶᠠᠷᠯᠠᠯ᠎ᠠ᠂ ᠮᠥᠨ ᠴᠤ ᠰᠦᠯᠵᠢᠶᠡᠨ ᠤ ᠠᠨᠳᠠ ᠨᠠᠷ ᠤᠨ ᠬᠦᠯᠢᠶᠡᠨ ᠠᠪᠴᠤ | ᠦᠵᠡᠭᠰᠡᠨ ᠳᠤ ᠪᠠᠶᠠᠷᠯᠠᠯ᠎ᠠ᠃ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠬᠦ ᠪᠣᠯᠣᠯ᠎ᠠ᠂ ᠳᠠᠷᠠᠭᠠᠴᠢ ᠶᠢᠨ ᠬᠤᠭᠤᠴᠠᠭᠠᠨ ᠳᠤ ᠳᠠᠬᠢᠨ | ᠵᠣᠯᠭᠠᠶ᠎ᠠ᠂ ᠪᠠᠶᠠᠷᠲᠠᠢ︕ | | | |