| | ᠰᠤᠷᠪᠤᠯᠵᠢᠯᠠᠭᠰᠠᠨ ᠴᠠᠭ᠄ 2019 ᠣᠨ ᠤ 07 ᠳ᠋ᠤᠭᠠᠷ ᠰᠠᠷ᠎ᠠ ᠶᠢᠨ 29 ᠤ ᠡᠳᠦᠷ ᠤᠨ 15 ᠴᠠᠭ | ᠰᠤᠷᠪᠤᠯᠵᠢᠯᠠᠭ᠎ᠠ ᠬᠦᠯᠢᠶᠡᠭᠴᠢ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠭᠡᠰᠢᠭᠦᠨ᠂ ᠲᠣᠪᠴᠢᠶ᠎ᠠ ᠶᠢᠨ ᠳᠡᠳ᠋ ᠳᠠᠷᠤᠭ᠎ᠠ ᠯᠢ ᠳ᠋ᠦᠩ ᠱᠧᠩ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠣᠶᠢᠷ᠎ᠠ ᠶᠢᠨ ᠬᠡᠰᠡᠭ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠪᠦᠬᠦ | ᠣᠷᠣᠨ ᠤ ᠬᠡᠪᠴᠢᠶᠡᠨ ᠳᠤ ︽ᠢᠳᠡᠬᠦ ᠡᠮᠦᠰᠬᠦ ᠶᠠᠪᠤᠬᠤ ᠰᠠᠭᠤᠬᠤ︾ ᠳᠥᠷᠪᠡᠨ ᠶᠡᠭᠡ ᠬᠦᠷᠢᠶ᠎ᠡ ᠴᠠᠷᠠᠭᠠᠨ ᠤ ᠲᠤᠰᠬᠠᠢ ᠵᠦᠢᠯ ᠤᠨ ᠴᠡᠭᠴᠡᠯᠡᠨ ᠵᠠᠰᠠᠬᠤ ᠠᠵᠢᠯ ᠢ | ᠥᠷᠨᠢᠭᠦᠯᠵᠦ᠂ ᠣᠯᠠᠨ ᠤ ᠡᠨᠡ ᠬᠦ ᠠᠵᠢᠯ ᠤᠨ ᠲᠤᠬᠠᠢ ᠲᠠᠨᠢᠯᠲᠠ ᠶᠢ ᠭᠦᠨᠵᠡᠭᠡᠶᠢᠷᠡᠭᠦᠯᠬᠦ ᠶᠢᠨ ᠲᠤᠰᠠᠳᠠ᠂ ᠪᠢᠳᠡ ᠥᠪᠡᠷᠲᠡᠭᠡᠨ ᠵᠠᠰᠠᠬᠤ ᠣᠷᠣᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠣᠪᠴᠢᠶ᠎ᠠ ᠶᠢᠨ ᠳᠡᠳ᠋ ᠳᠠᠷᠤᠭ᠎ᠠ ᠯᠢ ᠳ᠋ᠦᠩ | ᠱᠧᠩ ᠢ ᠤᠷᠢᠵᠤ ᠲᠤᠰ ᠤᠳᠠᠭᠠᠨ ᠤ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠬᠢᠯᠭᠡᠬᠦ ᠪᠠᠷ ᠪᠣᠯᠣᠯ᠎ᠠ᠃ | | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | | ᠬᠥᠲᠥᠯᠥᠭᠴᠢ᠄ | ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠣᠶᠢᠷ᠎ᠠ ᠶᠢᠨ ᠬᠡᠰᠡᠭ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠪᠦᠬᠦ ᠣᠷᠣᠨ ᠤ ᠬᠡᠪᠴᠢᠶᠡᠨ ᠳᠤ ︽ᠢᠳᠡᠬᠦ ᠡᠮᠦᠰᠬᠦ ᠶᠠᠪᠤᠬᠤ ᠰᠠᠭᠤᠬᠤ︾ ᠳᠥᠷᠪᠡᠨ ᠶᠡᠭᠡ ᠬᠦᠷᠢᠶ᠎ᠡ ᠴᠠᠷᠠᠭᠠᠨ ᠤ | ᠲᠤᠰᠬᠠᠢ ᠵᠦᠢᠯ ᠤᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠣᠯᠠᠨ ᠤ ᠡᠨᠡ ᠬᠦ ᠠᠵᠢᠯ ᠤᠨ ᠲᠤᠬᠠᠢ ᠲᠠᠨᠢᠯᠲᠠ ᠶᠢ ᠭᠦᠨᠵᠡᠭᠡᠶᠢᠷᠡᠭᠦᠯᠬᠦ ᠶᠢᠨ ᠲᠤᠰᠠᠳᠠ᠂ ᠪᠢᠳᠡ | ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ | ᠲᠣᠪᠴᠢᠶ᠎ᠠ ᠶᠢᠨ ᠳᠡᠳ᠋ ᠳᠠᠷᠤᠭ᠎ᠠ ᠯᠢ ᠳ᠋ᠦᠩ ᠱᠧᠩ ᠢ ᠤᠷᠢᠵᠤ ᠲᠤᠰ ᠤᠳᠠᠭᠠᠨ ᠤ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ | ᠲᠠᠨᠢᠯᠴᠠᠭᠤᠯᠭ᠎ᠠ ᠬᠢᠯᠭᠡᠬᠦ ᠪᠠᠷ ᠪᠣᠯᠣᠯ᠎ᠠ᠃ ᠯᠢ ᠲᠣᠪᠴᠢᠶᠠᠨ ᠳᠠᠷᠤᠭ᠎ᠠ ᠶᠢ ᠪᠠᠶᠠᠷᠯᠠᠨ ᠤᠭᠲᠤᠵᠤ ᠪᠠᠶᠢᠨ᠎ᠠ᠃ | ᠯᠢ ᠳ᠋ᠦᠩ ᠱᠧᠩ᠄ | ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ | ᠬᠥᠲᠥᠯᠥᠭᠴᠢ᠄ | ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠶᠠᠭᠤᠨ ᠳᠤ ᠪᠦᠬᠦ ᠣᠷᠣᠨ ᠤ ᠬᠡᠪᠴᠢᠶᠡᠨ ᠳᠤ ︽ | ᠢᠳᠡᠬᠦ ᠡᠮᠦᠰᠬᠦ ᠶᠠᠪᠤᠬᠤ ᠰᠠᠭᠤᠬᠤ︾ ᠳᠥᠷᠪᠡᠨ ᠶᠡᠭᠡ ᠬᠦᠷᠢᠶ᠎ᠡ ᠴᠠᠷᠠᠭᠠᠨ ᠤ ᠲᠤᠰᠬᠠᠢ ᠵᠦᠢᠯ ᠤᠨ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠲᠤᠬᠠᠢ | ᠲᠠᠨᠢᠯᠴᠠᠭᠤᠯᠤᠭᠠᠳ ᠥᠭᠭᠦᠨ᠎ᠡ ᠦᠦ︖ | ᠯᠢ ᠳ᠋ᠦᠩ ᠱᠧᠩ᠄ | ᠡᠨᠡ ᠵᠢᠯ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ᠂ ᠮᠥᠨ ᠴᠤ ᠥᠪᠡᠷᠲᠡᠭᠡᠨ ᠵᠠᠰᠠᠬᠤ ᠣᠷᠣᠨ ᠤ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠬᠢᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠪᠠᠨ ᠪᠡᠶᠡᠯᠡᠭᠦᠯᠦᠨ᠂ ᠰᠢᠨ᠎ᠡ ᠪᠠᠶᠢᠳᠠᠯ ᠢ ᠴᠢᠷᠮᠠᠶᠢᠨ | ᠨᠡᠭᠡᠭᠡᠵᠦ᠂ ᠰᠢᠨ᠎ᠡ ᠬᠥᠭᠵᠢᠯᠲᠡ ᠶᠢ ᠪᠡᠶᠡᠯᠡᠭᠦᠯᠦᠭᠰᠡᠨ ᠴᠢᠬᠤᠯᠠ ᠨᠢᠭᠡ ᠵᠢᠯ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ᠄ ︽ᠠᠷᠠᠳ ᠲᠦᠮᠡᠨ ᠤ ᠰᠠᠶᠢᠨ ᠰᠠᠶᠢᠬᠠᠨ | ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠪᠣᠯ ᠳᠠᠷᠤᠢ ᠮᠠᠨ ᠤ ᠲᠡᠮᠡᠴᠡᠯ ᠤᠨ ᠬᠠᠷᠠᠯᠲᠠ ᠮᠥᠨ︾ ᠭᠡᠵᠦ ᠴᠢᠬᠤᠯᠠᠴᠢᠯᠠᠪᠠ᠃ ᠶᠡᠷᠦᠩᠬᠡᠢ ᠰᠠᠶᠢᠳ ᠯᠢ ᠺᠧ ᠴᠢᠶᠠᠩ | ᠡᠨᠡ ᠵᠢᠯ ᠤᠨ ᠬᠤᠶᠠᠷ ᠬᠤᠷᠠᠯ ᠤᠨ ᠬᠤᠭᠤᠴᠠᠭᠠᠨ ᠳᠤ ᠪᠠᠰᠠ ︽ᠪᠢᠳᠡ ᠠᠵᠤ ᠠᠬᠤᠢ ᠶᠢ ᠬᠥᠭᠵᠢᠭᠦᠯᠬᠦ ᠶᠠᠪᠤᠴᠠ ᠳᠤ ᠠᠷᠠᠳ ᠤᠨ ᠠᠮᠢᠳᠤᠷᠠᠯ ᠢ ᠦᠷᠭᠦᠯᠵᠢᠯᠡᠨ | ᠰᠠᠶᠢᠵᠢᠷᠠᠭᠤᠯᠵᠤ᠂ ᠠᠷᠠᠳ ᠤᠨ ᠠᠮᠢᠳᠤᠷᠠᠯ ᠤᠨ ᠵᠠᠷᠢᠮ ᠭᠤᠣᠯᠳᠠᠯᠭ᠎ᠠ ᠲᠠᠢ᠂ ᠬᠦᠴᠢᠷᠳᠡᠯ ᠲᠠᠢ ᠠᠰᠠᠭᠤᠳᠠᠯ ᠢ ᠠᠳᠬᠤᠵᠤ᠂ ᠨᠢᠭᠡ ᠨᠢᠭᠡ ᠠᠰᠠᠭᠤᠳᠠᠯ ᠢᠶᠠᠷ | ᠰᠢᠢᠳᠪᠦᠷᠢᠯᠡᠬᠦ ᠬᠡᠷᠡᠭᠲᠡᠢ︾ ᠭᠡᠵᠦ ᠵᠢᠭᠠᠵᠤ ᠭᠠᠷᠭᠠᠪᠠ᠃ ᠣᠳᠣᠬᠠᠨ ᠳᠤ᠂ ᠠᠷᠠᠳ ᠲᠦᠮᠡᠨ ᠤ ᠢᠳᠡᠵᠦ ᠡᠮᠦᠰᠬᠦ ᠶᠠᠪᠤᠵᠤ ᠰᠠᠭᠤᠬᠤ ᠵᠡᠷᠭᠡ ᠲᠠᠯ᠎ᠠ ᠪᠠᠷ ᠮᠥᠨ ᠬᠦ ᠮᠠᠰᠢ | ᠣᠯᠠᠨ ᠠᠰᠠᠭᠤᠳᠠᠯ ᠣᠷᠣᠰᠢᠵᠤ ᠪᠠᠶᠢᠨ᠎ᠠ᠃ ᠡᠨᠡ ᠬᠦ ᠪᠠᠶᠢᠳᠠᠯ ᠳᠣᠣᠷ᠎ᠠ᠂ ᠪᠢᠳᠡ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ | ᠬᠠᠷᠢᠭᠤᠴᠠᠯᠭ᠎ᠠ ᠳᠤ ᠪᠠᠨ ᠰᠠᠭᠤᠷᠢᠯᠠᠨ᠂ ᠠᠷᠠᠳ ᠤᠨ ᠠᠮᠢᠳᠤᠷᠠᠯ ᠢ ᠠᠩᠬᠠᠷᠤᠨ ᠬᠠᠯᠠᠮᠵᠢᠯᠠᠬᠤ ᠲᠠᠯ᠎ᠠ ᠪᠠᠷ ᠠᠩᠬᠠᠷᠤᠭᠤᠯᠤᠨ ᠲᠥᠪᠯᠡᠷᠡᠭᠦᠯᠵᠦ᠂ ᠠᠮᠤᠷ ᠲᠦᠪᠰᠢᠨ | ᠮᠥᠷᠲᠡᠭᠡᠨ ᠬᠠᠨᠤᠮᠵᠢᠲᠠᠢ ᠬᠡᠷᠡᠭᠯᠡᠭᠡ ᠶᠢᠨ ᠣᠷᠴᠢᠨ ᠲᠣᠭᠤᠷᠢᠨ ᠢ ᠪᠣᠢ ᠪᠣᠯᠭᠠᠵᠤ᠂ ᠠᠷᠠᠳ ᠲᠦᠮᠡᠨ ᠤ ︽ᠢᠳᠡᠬᠦ︾ ᠳᠤ ᠰᠠᠨᠠᠭ᠎ᠠ ᠠᠮᠤᠷ᠂ ︽ᠡᠮᠦᠰᠬᠦ︾ ᠳᠤ | ᠲᠣᠬᠢᠲᠠᠢ᠂ ︽ᠰᠠᠭᠤᠬᠤ︾ ᠳᠤ ᠲᠠᠭᠠᠯᠠᠮᠵᠢᠲᠠᠢ᠂ ︽ᠶᠠᠪᠤᠬᠤ︾ ᠳᠤ ᠰᠡᠳᠬᠢᠯ ᠲᠡᠨᠢᠭᠦᠨ ᠪᠠᠶᠢᠬᠤ ᠶᠢ ᠪᠠᠲᠤᠯᠠᠬᠤ ᠶᠢᠨ ᠲᠤᠰᠠᠳᠠ᠂ ᠮᠠᠨ ᠤ ᠥᠪᠡᠷᠲᠡᠭᠡᠨ ᠵᠠᠰᠠᠬᠤ | ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠡᠨᠡ ᠵᠢᠯ ᠤᠨ 4 ᠳ᠋ᠦ᠋ᠭᠡᠷ ᠰᠠᠷ᠎ᠠ ᠶᠢᠨ 30 ᠤ ᠡᠳᠦᠷ ᠠᠴᠠ ᠡᠬᠢᠯᠡᠨ 12 ᠳ᠋ᠤᠭᠠᠷ | ᠰᠠᠷ᠎ᠠ ᠶᠢᠨ 1 ᠤ ᠡᠳᠦᠷ ᠪᠣᠯᠲᠠᠯ᠎ᠠ᠂ 7 ᠰᠠᠷ᠎ᠠ ᠶᠢᠨ ᠬᠤᠭᠤᠴᠠᠭ᠎ᠠ ᠬᠡᠷᠡᠭᠰᠡᠵᠦ᠂ ᠪᠦᠬᠦ ᠣᠷᠣᠨ ᠤ ᠬᠡᠪᠴᠢᠶᠡᠨ ᠳᠤ ︽ᠢᠳᠡᠬᠦ ᠡᠮᠦᠰᠬᠦ ᠶᠠᠪᠤᠬᠤ ᠰᠠᠭᠤᠬᠤ︾ ᠬᠦᠷᠢᠶ᠎ᠡ | ᠴᠠᠷᠠᠭᠠᠨ ᠤ ᠲᠤᠰᠬᠠᠢ ᠵᠦᠢᠯ ᠤᠨ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠪᠠᠷ ᠪᠣᠢ᠃ | ᠬᠥᠲᠥᠯᠥᠭᠴᠢ᠄ | ᠲᠤᠰ ᠤᠳᠠᠭᠠᠨ ᠤ ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠶᠢᠨ ᠭᠤᠣᠯᠳᠠᠯᠭ᠎ᠠ ᠲᠠᠢ ᠠᠭᠤᠯᠭ᠎ᠠ ᠨᠢ ᠶᠠᠭᠤ ᠪᠣᠢ︖ | ᠯᠢ ᠳ᠋ᠦᠩ ᠱᠧᠩ᠄ | ᠢᠳᠡᠬᠦ ᠡᠮᠦᠰᠬᠦ ᠶᠠᠪᠤᠬᠤ ᠰᠠᠭᠤᠬᠤ ᠬᠦᠷᠢᠶ᠎ᠡ ᠴᠠᠷᠠᠭ᠎ᠠ ᠶᠢᠨ ᠬᠤᠯᠪᠣᠭᠳᠠᠬᠤ ᠬᠡᠪᠴᠢᠶ᠎ᠡ ᠨᠢ ᠮᠠᠰᠢ ᠥᠷᠭᠡᠨ ᠪᠠᠶᠢᠵᠤ᠂ ᠪᠢᠳᠡ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠳᠤ ᠪᠠᠨ ᠰᠠᠭᠤᠷᠢᠯᠠᠬᠤ ᠶᠢ ᠪᠠᠷᠢᠮᠲᠠᠯᠠᠨ᠂ ᠬᠤᠯᠪᠣᠭᠳᠠᠬᠤ ᠪᠦᠲᠦᠭᠡᠭᠳᠡᠬᠦᠨ ᠤ ᠶᠠᠰᠤ ᠴᠢᠨᠠᠷ᠂ ᠬᠡᠮ ᠬᠡᠮᠵᠢᠶ᠎ᠡ᠂ ᠦᠨ᠎ᠡ | ᠬᠠᠩᠰᠢ᠂ ᠵᠠᠷ ᠮᠡᠳᠡᠭᠡ᠂ ᠲᠠᠸᠠᠷ ᠤᠨ ᠲᠡᠮᠳᠡᠭ ᠵᠡᠷᠭᠡ ᠲᠠᠯ᠎ᠠ ᠪᠠᠷ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠨ᠎ᠡ᠃ ᠲᠤᠰᠬᠠᠢ ᠵᠦᠢᠯ ᠤᠨ ᠴᠡᠭᠴᠡᠯᠡᠨ ᠵᠠᠰᠠᠬᠤ | ᠠᠵᠢᠯ ᠤᠨ ᠶᠠᠪᠤᠴᠠ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠠᠰᠠᠭᠤᠳᠠᠯ ᠢ ᠢᠯᠡᠷᠡᠭᠦᠯᠬᠦ ᠪᠠ ᠠᠰᠠᠭᠤᠳᠠᠯ ᠢ ᠰᠢᠢᠳᠪᠦᠷᠢᠯᠡᠬᠦ ᠶᠢ ᠢᠮᠠᠭᠲᠠ | ᠨᠡᠶᠢᠳᠡᠮ ᠳᠤ ᠨᠢ ᠲᠤᠭᠤᠰᠢᠯᠠᠭᠤᠯᠵᠤ᠂ ᠰᠤᠭᠤᠴᠢᠨ ᠪᠠᠶᠢᠴᠠᠭᠠᠬᠤ ᠳᠤ ᠬᠢᠷᠢ ᠲᠡᠩᠴᠡᠭᠰᠡᠨ ᠦᠭᠡᠢ ᠨᠣᠷᠮ᠎ᠠ ᠨᠢ ᠥᠨᠳᠥᠷ᠂ ᠵᠠᠭᠤᠴᠢᠯᠠᠭᠤᠷ ᠤᠨ ᠢᠯᠡᠴᠢᠯᠡᠨ | ᠮᠡᠳᠡᠭᠡᠯᠡᠭᠰᠡᠨ ᠨᠢ ᠣᠯᠠᠨ᠂ ᠢᠯᠡᠴᠢᠯᠡᠨ ᠮᠡᠳᠡᠭᠦᠯᠵᠦ ᠵᠠᠭᠠᠯᠳᠤᠭᠰᠠᠨ ᠢᠶᠠᠷ ᠣᠯᠠᠨ᠂ ᠠᠷᠠᠳ ᠲᠦᠮᠡᠨ ᠤ ᠲᠤᠰᠬᠠᠯ ᠴᠢᠩᠭ᠎ᠠ ᠠᠰᠠᠭᠤᠳᠠᠯ ᠢ ᠲᠣᠪᠣᠶᠢᠯᠭᠠᠵᠤ᠂ ᠡᠯ᠎ᠡ | ᠲᠥᠷᠥᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠦᠷᠭᠡᠨ ᠪᠥᠭᠡᠳ ᠴᠢᠩᠭ᠎ᠠ ᠪᠠᠶᠢᠴᠠᠭᠠᠨ ᠰᠢᠢᠳᠬᠡᠨ᠎ᠡ᠃ ᠪᠣᠳᠠᠲᠠᠢ ᠪᠠᠷ ᠳᠣᠣᠷᠠᠬᠢ ᠳᠥᠷᠪᠡᠨ | ᠲᠠᠯ᠎ᠠ ᠪᠠᠷ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠎ᠡ᠄ | ︵ᠨᠢᠭᠡ︶ ᠰᠦ ᠮᠢᠬᠠᠨ ᠤ ᠪᠦᠲᠦᠭᠡᠭᠳᠡᠬᠦᠨ ᠪᠠ ᠮᠠᠯᠵᠢᠬᠤ ᠲᠠᠷᠢᠶᠠᠯᠠᠬᠤ ᠣᠷᠣᠨ ᠤ ᠢᠳᠡᠭᠡᠨ ᠤ ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ᠲᠤᠰᠬᠠᠢ ᠵᠦᠢᠯ ᠤᠨ | ᠴᠡᠭᠴᠡᠯᠡᠯᠲᠡ ᠵᠠᠰᠠᠯᠲᠠ ᠶᠢ ᠥᠷᠨᠢᠭᠦᠯᠦᠨ᠎ᠡ᠃ ᠬᠤᠲᠠ ᠬᠥᠳᠡᠭᠡ ᠶᠢᠨ ᠠᠭᠤᠯᠵᠠᠷ ᠤᠨ ᠬᠡᠰᠡᠭ᠂ ᠰᠤᠮᠤ ᠰᠢᠶᠠᠩ ᠪᠠᠯᠭᠠᠰᠤ ᠪᠠ ᠮᠠᠯᠵᠢᠬᠤ ᠲᠠᠷᠢᠶᠠᠯᠠᠬᠤ ᠣᠷᠣᠨ ᠵᠡᠷᠭᠡ | ᠵᠠᠬ᠎ᠠ ᠳᠡᠯᠭᠡᠭᠦᠷ ᠢᠶᠠᠷ ᠭᠤᠣᠯᠳᠠᠯᠭ᠎ᠠ ᠲᠠᠢ ᠣᠷᠣᠨ ᠬᠡᠪᠴᠢᠶ᠎ᠡ ᠪᠣᠯᠭᠠᠵᠤ᠂ ᠰᠦ ᠮᠢᠬᠠᠨ ᠤ ᠪᠦᠲᠦᠭᠡᠭᠳᠡᠬᠦᠨ ᠤ ᠠᠵᠤ ᠠᠬᠤᠶᠢᠯᠠᠯ ᠤᠨ ᠲᠦᠭᠦᠬᠡᠢ ᠮᠠᠲ᠋ᠧᠷᠢᠶᠠᠯ | ᠬᠤᠳᠠᠯᠳᠤᠨ ᠠᠪᠤᠭᠰᠠᠨ ᠢ ᠰᠢᠯᠭᠠᠨ ᠨᠤᠲᠠᠯᠠᠬᠤ᠂ ᠭᠡᠷᠡᠴᠢ ᠪᠠᠷᠢᠮᠲᠠ ᠠᠪᠤᠭᠰᠠᠨ ᠪᠠ ᠦᠢᠯᠡᠳᠪᠦᠷᠢ ᠶᠢᠨ ᠲᠠᠰᠤᠭ ᠠᠴᠠ ᠭᠠᠷᠭᠠᠭᠰᠠᠨ ᠢ ᠰᠢᠯᠭᠠᠨ ᠪᠠᠶᠢᠴᠠᠭᠠᠵᠤ | ᠡᠵᠡᠮᠳᠡᠭᠰᠡᠨ ᠢᠶᠠᠷ ᠴᠢᠩᠭ᠎ᠠ ᠪᠤᠰᠤ᠂ ᠮᠠᠯ ᠤᠨ ᠡᠮ ᠤᠨ ᠦᠯᠡᠳᠡᠭᠳᠡᠯ ᠡᠳ᠋ ᠤᠨ ᠪᠠᠷᠢᠮᠵᠢᠶ᠎ᠠ ᠠᠴᠠ ᠬᠡᠲᠦᠷᠡᠭᠰᠡᠨ᠂ ᠮᠠᠭᠤ ᠪᠦᠲᠦᠭᠡᠭᠳᠡᠬᠦᠨ ᠢᠶᠠᠷ ᠰᠠᠶᠢᠨ | ᠪᠦᠲᠦᠭᠡᠭᠳᠡᠬᠦᠨ ᠢ ᠣᠷᠣᠯᠠᠭᠤᠯᠤᠭᠰᠠᠨ ᠵᠡᠷᠭᠡ ᠲᠣᠪᠣᠶᠢᠮ᠎ᠠ ᠠᠰᠠᠭᠤᠳᠠᠯ ᠢ ᠲᠣᠪᠣᠶᠢᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠰᠦ ᠮᠢᠬᠠᠨ ᠤ ᠪᠦᠲᠦᠭᠡᠭᠳᠡᠬᠦᠨ᠂ | ᠤᠷᠭᠤᠮᠠᠯ ᠤᠨ ᠲᠣᠰᠣ ᠶᠢ ᠢᠳᠡᠵᠦ ᠬᠡᠷᠡᠭᠯᠡᠭᠰᠡᠨ᠂ ᠤᠮᠳᠠᠭᠠᠨ᠂ ᠬᠠᠷ᠎ᠠ ᠠᠷᠢᠬᠢ᠂ ᠪᠣᠭᠤᠷᠰᠤᠭ᠂ ᠳᠥᠭᠦᠮ ᠢᠳᠡᠭᠡᠨ ᠵᠡᠷᠭᠡ ᠬᠠᠭᠤᠷᠮᠠᠭ ᠮᠠᠭᠤ ᠢᠳᠡᠭᠡᠨ ᠢ ᠦᠢᠯᠡᠳᠦᠨ | ᠬᠤᠳᠠᠯᠳᠤᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠭᠤᠣᠯᠳᠠᠯᠭ᠎ᠠ ᠲᠠᠢ ᠪᠠᠷ ᠴᠣᠬᠢᠯᠲᠠ ᠥᠭᠭᠦᠨ᠎ᠡ᠃ | ︵ᠬᠤᠶᠠᠷ︶ ᠬᠡᠦᠬᠡᠳ ᠤᠨ ᠬᠤᠪᠴᠠᠰᠤ᠂ ᠰᠤᠷᠤᠭᠴᠢᠳ ᠤᠨ ᠰᠤᠷᠭᠠᠭᠤᠯᠢ ᠶᠢᠨ ᠬᠤᠪᠴᠠᠰᠤ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ᠲᠤᠰᠬᠠᠢ | ᠵᠦᠢᠯ ᠤᠨ ᠴᠡᠭᠴᠡᠯᠡᠯᠲᠡ ᠵᠠᠰᠠᠯᠲᠠ ᠶᠢ ᠥᠷᠨᠢᠭᠦᠯᠦᠨ᠎ᠡ᠃ ᠬᠡᠦᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠪᠠ ᠳᠡᠭᠡᠳᠦ ᠵᠡᠷᠭᠡ ᠶᠢᠨ ᠰᠤᠷᠭᠠᠭᠤᠯᠢ ᠵᠢᠴᠢ | ᠡᠷᠭᠢᠨ ᠲᠣᠭᠤᠷᠢᠨ ᠤ ᠬᠤᠳᠠᠯᠳᠤᠭ᠎ᠠ ᠳᠡᠯᠭᠡᠭᠦᠷ᠂ ᠬᠤᠲᠠ ᠬᠥᠳᠡᠭᠡ ᠶᠢᠨ ᠪᠥᠭᠡᠮ ᠢᠶᠠᠷ ᠪᠣᠷᠣᠯᠠᠭᠤᠯᠬᠤ ᠵᠠᠬ᠎ᠠ ᠳᠡᠯᠭᠡᠭᠦᠷ᠂ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ᠂ | ᠬᠤᠳᠠᠯᠳᠤᠭᠠᠨ ᠤ ᠲᠠᠯᠠᠪᠤᠷ᠂ ᠲᠤᠰᠬᠠᠢ ᠬᠤᠳᠠᠯᠳᠤᠭᠠᠨ ᠤ ᠳᠡᠯᠭᠡᠭᠦᠷ ᠪᠠ ᠬᠡᠳᠦ ᠳᠡᠯᠭᠡᠭᠦᠷ ᠵᠡᠷᠭᠡ ᠪᠠᠷ ᠭᠤᠣᠯᠳᠠᠯᠭ᠎ᠠ ᠲᠠᠢ ᠣᠷᠣᠨ ᠬᠡᠪᠴᠢᠶ᠎ᠡ ᠪᠣᠯᠭᠠᠨ᠂ | ᠰᠤᠷᠭᠠᠭᠤᠯᠢ ᠶᠢᠨ ᠬᠤᠪᠴᠠᠰᠤ᠂ ᠬᠡᠦᠬᠡᠳ ᠤᠨ ᠬᠤᠪᠴᠠᠰᠤ ᠪᠠ ᠰᠤᠷᠤᠭᠴᠢᠳ ᠤᠨ ᠬᠥᠪᠥᠩ ᠤᠨ ᠪᠦᠲᠦᠭᠡᠭᠳᠡᠬᠦᠨ ᠢ ᠭᠤᠣᠯᠳᠠᠯᠭ᠎ᠠ ᠲᠠᠢ ᠪᠠᠷ ᠴᠡᠭᠴᠡᠯᠡᠨ ᠵᠠᠰᠠᠵᠤ᠂ 365赢多少钱会被限额_国内有真正的365平台吗_365bet博彩官网 | ᠶᠠᠰᠤ ᠴᠢᠨᠠᠷ ᠨᠢ ᠪᠠᠷᠢᠮᠵᠢᠶ᠎ᠠ ᠳᠤ ᠬᠦᠷᠦᠭᠰᠡᠨ ᠦᠭᠡᠢ᠂ ᠱᠣᠰᠢᠭ᠎ᠠ ᠲᠡᠮᠳᠡᠭ ᠨᠢ ᠵᠢᠷᠤᠮᠵᠢᠯ ᠦᠭᠡᠢ᠂ ᠪᠣᠷᠣᠯᠠᠭᠤᠯᠤᠭᠰᠠᠨ ᠤ ᠳᠠᠷᠠᠭᠠᠬᠢ ᠦᠢᠯᠡᠴᠢᠯᠡᠭᠡ ᠶᠢ | ᠨᠠᠶᠢᠳᠠᠪᠤᠷᠢᠵᠢᠭᠤᠯᠤᠭᠰᠠᠨ ᠦᠭᠡᠢ ᠵᠡᠷᠭᠡ ᠲᠣᠪᠣᠶᠢᠮ᠎ᠠ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠵᠦ᠂ ᠦᠨᠡᠮᠯᠡᠯ ᠦᠭᠡᠢ ᠪᠠᠷ ᠡᠵᠡᠩᠨᠡᠭᠰᠡᠨ᠂ ᠬᠤᠳᠠᠯᠳᠤᠭᠠᠨ ᠤ | ᠲᠡᠮᠳᠡᠭ ᠨᠢ ᠡᠷᠬᠡ ᠳᠤ ᠬᠠᠯᠳᠠᠭᠰᠠᠨ᠂ ᠬᠠᠭᠤᠷᠮᠠᠭ ᠮᠠᠭᠤ ᠪᠠᠷᠠᠭ᠎ᠠ ᠦᠢᠯᠡᠳᠦᠨ ᠬᠤᠳᠠᠯᠳᠤᠭᠰᠠᠨ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ | ᠴᠣᠬᠢᠯᠲᠠ ᠥᠭᠭᠦᠨ᠎ᠡ᠃ | ︵ᠭᠤᠷᠪᠠ︶ ᠭᠡᠷ ᠪᠠᠶᠢᠰᠢᠩ ᠭᠠᠵᠠᠷ ᠬᠥᠷᠥᠩᠭᠡ ᠶᠢᠨ ᠵᠠᠷ ᠮᠡᠳᠡᠭᠡ ᠪᠠ ᠭᠤᠣᠯᠳᠠᠯᠭ᠎ᠠ ᠲᠠᠢ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠬᠦᠨ ᠤ ᠵᠠᠬ᠎ᠠ | ᠳᠡᠯᠭᠡᠭᠦᠷ ᠤᠨ ᠡᠮᠬᠢ ᠳᠢᠭᠯᠢᠮ ᠤᠨ ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠶᠢ ᠥᠷᠨᠢᠭᠦᠯᠦᠨ᠎ᠡ᠃ ᠭᠡᠷ ᠪᠠᠶᠢᠰᠢᠩ ᠭᠠᠵᠠᠷ ᠬᠥᠷᠥᠩᠭᠡ ᠶᠢᠨ ᠪᠣᠷᠣᠯᠠᠭᠤᠯᠭ᠎ᠠ ᠶᠢᠨ | ᠬᠦᠷᠢᠶ᠎ᠡ ᠴᠠᠷᠠᠭᠠᠨ ᠳᠤ ᠬᠤᠳᠠᠯ ᠬᠠᠭᠤᠷᠮᠠᠭ ᠵᠠᠷ ᠮᠡᠳᠡᠭᠡ ᠨᠡᠶᠢᠲᠡᠯᠡᠬᠦ᠂ ᠡᠷᠬᠡ ᠲᠡᠭᠰᠢ ᠪᠤᠰᠤ ᠬᠡᠪ ᠬᠡᠯᠪᠡᠷᠢ ᠶᠢᠨ ᠭᠡᠷ᠎ᠡ ᠶᠢ ᠲᠣᠭᠲᠠᠭᠠᠬᠤ᠂ ᠬᠡᠷᠡᠭᠯᠡᠭᠴᠢᠳ ᠤᠨ ᠡᠷᠬᠡ | ᠠᠰᠢᠭ ᠲᠤ ᠬᠠᠯᠳᠠᠬᠤ ᠵᠡᠷᠭᠡ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠰᠠᠮᠠᠭᠤᠷᠠᠭᠤᠯᠤᠭᠰᠠᠨ ᠦᠢᠯᠡ ᠠᠵᠢᠯᠯᠠᠭ᠎ᠠ ᠶᠢ ᠭᠤᠣᠯᠳᠠᠯᠭ᠎ᠠ ᠲᠠᠢ ᠪᠠᠷ ᠴᠡᠭᠴᠡᠯᠡᠨ ᠵᠠᠰᠠᠨ᠎ᠠ︔ | ᠪᠠᠷᠢᠯᠭ᠎ᠠ ᠳᠤ ᠬᠡᠷᠡᠭᠯᠡᠬᠦ ᠰᠢᠷᠪᠦᠰᠦ ᠪᠣᠯᠣᠳ᠂ ᠱᠦᠢᠨᠢ᠂ ᠴᠠᠬᠢᠯᠭᠠᠨ ᠤᠲᠠᠰᠤ᠂ ᠤᠰᠤ ᠶᠢ ᠰᠡᠷᠭᠡᠶᠢᠯᠡᠬᠦ ᠣᠷᠢᠶᠠᠮᠠᠭ ᠮᠠᠲ᠋ᠧᠷᠢᠶᠠᠯ᠂ ᠱᠦᠢᠨᠢ ᠪᠠᠷ ᠪᠠᠷᠢᠭᠰᠠᠨ ᠤᠰᠤ | ᠳᠠᠮᠵᠢᠭᠤᠯᠬᠤ ᠬᠤᠭᠤᠯᠠᠢ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠰᠡᠷᠭᠡᠶᠢᠯᠡᠯᠲᠡ ᠶᠢᠨ ᠲᠥᠬᠦᠭᠡᠷᠦᠮᠵᠢ ᠵᠢᠴᠢ ᠭᠡᠷ ᠤᠨ ᠬᠡᠷᠡᠭᠰᠡᠯ᠂ ᠵᠠᠰᠠᠨ | ᠴᠢᠮᠡᠭᠯᠡᠬᠦ ᠮᠠᠲ᠋ᠧᠷᠢᠶᠠᠯ᠂ ᠰᠢᠷ ᠪᠣᠳᠤᠭ ᠤᠨ ᠮᠠᠲ᠋ᠧᠷᠢᠶᠠᠯ ᠤᠨ ᠦᠢᠯᠡᠳᠪᠦᠷᠢᠯᠡᠯ ᠪᠠ ᠭᠦᠢᠯᠭᠡᠭᠡᠨ ᠤ ᠬᠦᠷᠢᠶ᠎ᠡ ᠴᠠᠷᠠᠭᠠᠨ ᠳᠤ ᠬᠠᠤᠯᠢ ᠬᠡᠷᠡᠭᠵᠢᠭᠦᠯᠵᠦ ᠪᠠᠶᠢᠴᠠᠭᠠᠯᠲᠠ ᠬᠢᠬᠦ | ᠪᠠ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠶᠢ ᠴᠢᠩᠭᠠᠳᠬᠠᠨ᠎ᠠ᠃ ᠭᠡᠷᠡᠴᠢ ᠦᠭᠡᠢ ᠪᠠᠷ ᠦᠢᠯᠡᠳᠪᠦᠷᠢᠯᠡᠭᠰᠡᠨ᠂ ᠦᠨᠡᠮᠯᠡᠯ ᠦᠭᠡᠢ ᠪᠠᠷ ᠡᠵᠡᠩᠨᠡᠭᠰᠡᠨ᠂ | ᠤᠯᠤᠰ ᠤᠨ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠠᠴᠠ ᠵᠥᠷᠢᠴᠡᠭᠰᠡᠨ᠂ ᠬᠠᠭᠤᠷᠮᠠᠭ ᠮᠠᠭᠤ ᠪᠠᠷᠠᠭ᠎ᠠ ᠦᠢᠯᠡᠳᠦᠨ ᠬᠤᠳᠠᠯᠳᠤᠭᠰᠠᠨ ᠵᠡᠷᠭᠡ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ | ︵ᠳᠥᠷᠪᠡ︶ ᠮᠠᠰᠢᠨ ᠲᠡᠷᠭᠡᠨ ᠤ ᠪᠣᠷᠣᠯᠠᠭᠤᠯᠵᠤ ᠰᠡᠯᠪᠢᠨ ᠵᠠᠰᠠᠬᠤ ᠵᠠᠬ᠎ᠠ ᠳᠡᠯᠭᠡᠭᠦᠷ ᠤᠨ ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠶᠢ ᠥᠷᠨᠢᠭᠦᠯᠦᠨ᠎ᠡ᠃ | ᠮᠠᠰᠢᠨ ᠲᠡᠷᠭᠡᠨ ᠤ 4S ᠳᠡᠯᠭᠡᠭᠦᠷ᠂ ᠮᠠᠰᠢᠨ ᠲᠡᠷᠭᠡᠨ ᠤ ᠰᠡᠯᠪᠢᠨ ᠵᠠᠰᠠᠬᠤ ᠳᠡᠯᠭᠡᠭᠦᠷ ᠪᠠ ᠵᠢᠵᠢᠭ ᠲᠣᠨᠤᠭ ᠤᠨ ᠪᠣᠷᠣᠯᠠᠭᠤᠯᠬᠤ ᠬᠤᠳᠠᠯᠳᠤᠭ᠎ᠠ ᠶᠢ ᠭᠤᠣᠯᠳᠠᠯᠭ᠎ᠠ | ᠲᠠᠢ ᠪᠠᠷ ᠴᠡᠭᠴᠡᠯᠡᠨ ᠵᠠᠰᠠᠬᠤ᠂ ᠤᠯᠤᠰ ᠤᠨ ᠪᠠᠷᠢᠮᠵᠢᠶ᠎ᠠ ᠳᠤ ᠨᠡᠶᠢᠴᠡᠬᠦ ᠦᠭᠡᠢ ᠮᠠᠰᠢᠨ ᠲᠡᠷᠭᠡᠨ ᠤ ᠵᠢᠵᠢᠭ ᠲᠣᠨᠤᠭ ᠢ ᠪᠣᠷᠣᠯᠠᠭᠤᠯᠤᠭᠰᠠᠨ ᠪᠠ ᠬᠡᠷᠡᠭᠯᠡᠭᠰᠡᠨ᠂ | ᠠᠯᠪᠠᠳᠠᠯᠭ᠎ᠠ ᠪᠠᠷ ᠦᠨ᠎ᠡ ᠨᠡᠮᠡᠵᠦ ᠳᠠᠭᠠᠯᠳᠤᠭᠤᠯᠤᠨ ᠬᠤᠳᠠᠯᠳᠤᠭᠰᠠᠨ᠂ ᠬᠡᠯᠪᠡᠷᠢᠵᠢᠭᠰᠡᠨ ᠭᠡᠷ᠎ᠡ ᠶᠢᠨ ︽ᠳᠡᠭᠡᠷᠡᠩᠭᠦᠢ ᠵᠤᠷᠪᠤᠰ︾᠂ ᠬᠡᠷᠡᠭᠯᠡᠭᠡ ᠶᠢᠨ ᠮᠡᠬᠡᠯᠡᠯ ᠳᠠᠷᠤᠯᠠᠯ᠂ | ᠬᠤᠳᠠᠯᠳᠤᠭᠠᠨ ᠤ ᠬᠡᠭᠡᠯᠢ ᠬᠠᠭ᠋ᠤᠤᠯᠢ᠂ ᠬᠤᠳᠠᠯ ᠬᠠᠭᠤᠷᠮᠠᠭ ᠤᠬᠠᠭᠤᠯᠭ᠎ᠠ᠂ ᠬᠤᠳᠠᠯᠳᠤᠭᠠᠨ ᠤ ᠲᠡᠮᠳᠡᠭ ᠤᠨ ᠡᠷᠬᠡ ᠳᠤ ᠬᠠᠯᠳᠠᠭᠰᠠᠨ᠂ ᠬᠡᠷᠡᠭᠯᠡᠭᠴᠢᠳ ᠤᠨ ᠡᠷᠬᠡ ᠪᠠᠨ | ᠬᠠᠮᠠᠭᠠᠯᠠᠬᠤ ᠶᠢ ᠵᠣᠷᠢᠭᠤᠳᠠ ᠤᠳᠠᠭᠠᠰᠢᠷᠠᠭᠤᠯᠬᠤ ᠪᠤᠶᠤ ᠶᠣᠰᠣ ᠪᠤᠰᠤ ᠪᠠᠷ ᠲᠡᠪᠴᠢᠭᠰᠡᠨ᠂ ᠳᠠᠭᠠᠳᠬᠠᠯ ᠤᠨ ᠣᠷᠣᠯᠠᠨ ᠭᠦᠢᠴᠡᠳᠬᠡᠬᠦ ᠲᠤᠬᠠᠶᠢᠯᠠᠭᠰᠠᠨ ᠠᠵᠢᠯ ᠢ | ᠬᠡᠪᠴᠢᠶ᠎ᠡ ᠠᠴᠠ ᠬᠡᠲᠦᠷᠡᠭᠦᠯᠦᠨ ᠡᠵᠡᠩᠨᠡᠭᠰᠡᠨ ᠵᠡᠷᠭᠡ ᠦᠢᠯᠡ ᠠᠵᠢᠯᠯᠠᠭ᠎ᠠ ᠳᠤ ᠪᠠᠶᠢᠴᠠᠭᠠᠯᠲᠠ ᠬᠢᠵᠦ᠂ ᠮᠠᠰᠢᠨᠲᠤ ᠲᠡᠷᠭᠡ ᠰᠡᠯᠪᠢᠨ ᠵᠠᠰᠠᠬᠤ ᠲᠤᠰᠬᠠᠶᠢᠯᠠᠭᠰᠠᠨ | ᠠᠵᠢᠯ ᠤᠨ ᠡᠵᠡᠩᠨᠡᠭᠴᠢᠳ ᠤᠨ ᠦᠢᠯᠡᠳᠬᠦᠨ ᠤ ᠬᠢᠷᠢ ᠭᠡᠮ ᠤᠨ ᠭᠡᠷᠡᠴᠢ ᠦᠭᠡᠢ᠂ ᠦᠢᠯᠡᠳᠪᠦᠷᠢ ᠶᠢᠨ ᠨᠡᠷ᠎ᠡ ᠦᠭᠡᠢ᠂ ᠦᠢᠯᠡᠳᠪᠦᠷᠢ ᠶᠢᠨ ᠬᠠᠶ᠋ᠢᠭ ᠦᠭᠡᠢ᠂ 3C | ᠭᠠᠷᠴᠠᠭ ᠲᠤ ᠵᠢᠭᠰᠠᠭᠠᠭᠳᠠᠭᠰᠠᠨ ᠦᠢᠯᠡᠳᠬᠦᠨ ᠤ ᠠᠯᠪᠠᠳᠠᠯᠭ᠎ᠠ ᠶᠢᠨ ᠴᠢᠨᠠᠷᠲᠠᠢ ᠨᠤᠲᠠᠯᠠᠯᠲᠠ ᠶᠢᠨ ᠭᠡᠷᠡᠴᠢ ᠦᠭᠡᠢ ᠵᠢᠵᠢᠭ ᠲᠣᠨᠤᠭ ᠪᠠ ᠬᠠᠭᠤᠷᠮᠠᠭ ᠮᠠᠭᠤ ᠲᠣᠨᠤᠭ ᠢ | ᠬᠡᠷᠡᠭᠯᠡᠨ ᠮᠠᠰᠢᠨᠲᠤ ᠲᠡᠷᠭᠡ ᠶᠢ ᠰᠡᠯᠪᠢᠨ ᠵᠠᠰᠠᠭᠰᠠᠨ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | ᠬᠥᠲᠥᠯᠥᠭᠴᠢ᠄ | ᠣᠳᠣ ᠪᠣᠯᠲᠠᠯ᠎ᠠ᠂ ᠪᠦᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠤᠭᠰᠠᠨ ᠲᠤᠰᠬᠠᠢ | ᠵᠦᠢᠯ ᠤᠨ ᠴᠡᠭᠴᠡᠯᠡᠨ ᠵᠠᠰᠠᠬᠤ ᠠᠵᠢᠯ ᠤᠨ ᠦᠷ᠎ᠡ ᠪᠦᠲᠦᠮᠵᠢ ᠨᠢ ᠶᠠᠮᠠᠷ ᠪᠣᠢ︖ | ᠯᠢ ᠳ᠋ᠦᠩ ᠱᠧᠩ᠄ | ᠣᠳᠣ ᠪᠣᠯᠲᠠᠯ᠎ᠠ᠂ 2 ᠰᠠᠷ᠎ᠠ ᠭᠠᠷᠤᠢ ᠶᠢᠨ ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠳᠤ᠂ ᠪᠦᠬᠦ ᠣᠷᠣᠨ ᠳᠤ ᠬᠠᠤᠯᠢ ᠬᠡᠷᠡᠭᠵᠢᠭᠦᠯᠦᠭᠴᠢ ᠶᠢ ᠨᠡᠶᠢᠲᠡ | 75625 ᠬᠥᠮᠥᠨ ᠤᠳᠠᠭ᠎ᠠ ᠳᠠᠶᠢᠴᠢᠯᠠᠨ ᠬᠥᠳᠡᠯᠭᠡᠵᠦ᠂ ᠡᠵᠡᠩᠨᠡᠯᠲᠡ ᠶᠢᠨ ᠭᠤᠣᠯ ᠴᠣᠭᠴᠠ ᠳᠤ 39625 ᠤᠳᠠᠭ᠎ᠠ ᠪᠠᠶᠢᠴᠠᠭᠠᠯᠲᠠ ᠬᠢᠵᠦ᠂ 4 ᠬᠠᠷ᠎ᠠ ᠡᠭᠦᠷ | ᠴᠡᠭ ᠢ ᠠᠷᠢᠯᠭᠠᠨ ᠤᠰᠠᠳᠬᠠᠵᠤ᠂ 989 ᠬᠡᠷᠡᠭ ᠢ ᠬᠡᠷᠡᠭ ᠢᠶᠠᠷ ᠪᠠᠶᠢᠴᠠᠭᠠᠨ ᠰᠢᠢᠳᠪᠦᠷᠢᠯᠡᠵᠦ᠂ ᠲᠣᠮᠣ ᠴᠢᠬᠤᠯᠠ 2 ᠬᠡᠷᠡᠭ ᠢ ᠪᠠᠶᠢᠴᠠᠭᠠᠨ ᠭᠦᠢᠴᠡᠳᠬᠡᠵᠦ᠂ 3 | ᠬᠡᠷᠡᠭ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ᠂ ᠬᠡᠷᠡᠭ ᠲᠤ ᠬᠤᠯᠪᠣᠭᠳᠠᠭᠰᠠᠨ ᠦᠢᠯᠡᠳᠬᠦᠨ ᠤ ᠪᠠᠷᠠᠭᠠᠨ ᠤ ᠥᠷᠲᠡᠭ ᠨᠢ 4315. | 3885 ᠲᠦᠮᠡᠨ ᠲᠥᠭᠦᠷᠢᠭ᠂ ᠲᠣᠷᠭᠠᠵᠤ ᠬᠤᠷᠢᠶᠠᠭᠰᠠᠨ ᠵᠣᠭᠤᠰ 617.6228 ᠲᠦᠮᠡᠨ ᠲᠥᠭᠦᠷᠢᠭ ᠲᠤ ᠬᠦᠷᠴᠦ᠂ ᠬᠠᠭᠤᠷᠮᠠᠭ ᠮᠠᠭᠤ ᠦᠢᠯᠡᠳᠬᠦᠨ ᠳᠤ | ᠴᠣᠬᠢᠯᠲᠠ ᠥᠭᠴᠦ ᠵᠠᠬ᠎ᠠ ᠳᠡᠯᠭᠡᠭᠦᠷ ᠢ ᠴᠡᠪᠡᠷᠰᠢᠭᠦᠯᠬᠦ ᠠᠵᠢᠯᠯᠠᠭ᠎ᠠ ᠳᠤ ᠠᠩᠬ᠎ᠠ ᠠᠯᠬᠤᠮ ᠤᠨ ᠦᠷ᠎ᠡ ᠪᠦᠲᠦᠮᠵᠢ ᠣᠯᠵᠠᠢ᠃ | ᠬᠥᠲᠥᠯᠥᠭᠴᠢ᠄ | ᠳᠠᠷᠠᠭᠠᠴᠢ ᠶᠢᠨ ᠠᠯᠬᠤᠮ ᠤᠨ ︽ᠳᠥᠷᠪᠡᠨ ᠶᠡᠭᠡ ᠬᠦᠷᠢᠶ᠎ᠡ ᠴᠠᠷᠠᠭ᠎ᠠ︾ ᠶᠢᠨ ᠲᠤᠰᠬᠠᠢ ᠵᠦᠢᠯ ᠤᠨ ᠴᠡᠭᠴᠡᠯᠡᠨ ᠵᠠᠰᠠᠬᠤ ᠠᠵᠢᠯ ᠤᠨ ᠭᠤᠣᠯᠳᠠᠯᠭ᠎ᠠ ᠨᠢ ᠶᠠᠭᠤ | ᠪᠣᠢ︖ | ᠯᠢ ᠳ᠋ᠦᠩ ᠱᠧᠩ᠄ | ᠳᠠᠷᠠᠭᠠᠴᠢ ᠶᠢᠨ ᠠᠯᠬᠤᠮ ᠳᠤ᠂ ᠮᠠᠨ ᠤ ᠪᠦᠬᠦ ᠰᠢᠰᠲ᠋ᠧᠮ ᠢᠶᠠᠷ ᠢᠶᠠᠨ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠲᠠᠨᠢᠯᠲᠠ ᠪᠠᠨ | ᠳᠡᠭᠡᠭᠰᠢᠯᠡᠭᠦᠯᠵᠦ᠂ ᠪᠠᠷᠢᠮᠵᠢᠶ᠎ᠠ ᠱᠠᠭᠠᠷᠳᠠᠯᠭ᠎ᠠ ᠲᠠᠢ ᠬᠠᠷᠢᠴᠠᠭᠤᠯᠵᠤ᠂ ᠵᠦᠢ ᠵᠣᠬᠢᠰᠲᠠᠢ ᠪᠠᠷ ᠪᠠᠶᠢᠷᠢᠯᠠᠭᠤᠯᠤᠨ ᠲᠣᠬᠢᠷᠠᠭᠤᠯᠵᠤ᠂ ᠡᠭᠦᠷᠭᠡ ᠬᠠᠷᠢᠭᠤᠴᠠᠯᠭ᠎ᠠ ᠶᠢᠨ ᠦᠵᠡᠯ | ᠤᠬᠠᠮᠰᠠᠷ ᠢᠶᠠᠨ ᠴᠢᠩᠭᠠᠷᠠᠭᠤᠯᠤᠨ᠂ ᠬᠠᠷᠢᠭᠤᠴᠠᠯᠭ᠎ᠠ ᠪᠠᠨ ᠳᠡᠰ ᠳᠡᠰ ᠢᠶᠠᠷ ᠪᠣᠳᠠᠲᠠᠶᠢᠵᠢᠭᠤᠯᠤᠨ ᠴᠢᠩᠭᠠᠳᠬᠠᠵᠤ᠂ ᠬᠠᠤᠯᠢ ᠬᠡᠷᠡᠭᠵᠢᠭᠦᠯᠦᠨ ᠬᠡᠷᠡᠭ ᠢ ᠭᠦᠢᠴᠡᠳᠬᠡᠬᠦ ᠪᠠᠷ | ᠭᠤᠣᠯᠳᠠᠯᠭ᠎ᠠ ᠪᠣᠯᠭᠠᠨ᠂ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠵᠠᠩᠭᠢᠯᠠᠭ᠎ᠠ ᠶᠢ ᠡᠵᠡᠮᠳᠡᠨ᠂ ᠦᠷ᠎ᠡ ᠪᠦᠲᠦᠮᠵᠢ ᠶᠢ ᠴᠢᠬᠤᠯᠠᠴᠢᠯᠠᠨ᠎ᠠ᠃ | ᠨᠢᠭᠡ ᠳᠤ᠂ ᠪᠦᠬᠦ ᠰᠢᠰᠲ᠋ᠧᠮ ᠢᠶᠠᠷ ᠢᠶᠠᠨ ᠵᠣᠬᠢᠴᠠᠯᠳᠤᠨ ᠦᠢᠯᠡᠴᠢᠯᠡᠬᠦ ᠦᠵᠡᠯ ᠰᠠᠨᠠᠭ᠎ᠠ ᠶᠢ ᠪᠣᠢ ᠪᠣᠯᠭᠠᠨ᠎ᠠ᠃ ᠰᠢᠰᠲ᠋ᠧᠮ ᠤᠨ ᠳᠣᠲᠣᠭᠠᠳᠤ ᠳᠤ ᠪᠠᠨ ᠬᠠᠤᠯᠢ | ᠬᠡᠷᠡᠭᠵᠢᠭᠦᠯᠦᠨ ᠬᠡᠷᠡᠭ ᠢ ᠬᠠᠮᠵᠢᠯᠴᠠᠨ ᠪᠠᠶᠢᠴᠠᠭᠠᠵᠤ ᠮᠡᠳᠡᠭᠡᠯᠡᠨ ᠨᠡᠪᠲᠡᠷᠡᠭᠦᠯᠬᠦ ᠠᠵᠢᠯ ᠤᠨ ᠲᠣᠭᠲᠠᠴᠠ ᠶᠢ ᠴᠢᠩᠭᠠᠳᠬᠠᠨ᠂ ᠬᠡᠷᠡᠭ ᠤᠨ ᠮᠡᠳᠡᠭᠡ ᠵᠠᠩᠭᠢ ᠶᠢ ᠰᠣᠯᠢᠯᠴᠠᠨ | ᠰᠠᠭᠠᠳ ᠦᠭᠡᠢ ᠨᠡᠪᠲᠡᠷᠡᠭᠦᠯᠬᠦ ᠶᠢ ᠭᠦᠢᠴᠡᠳᠬᠡᠵᠦ᠂ ᠪᠠᠶᠢᠴᠠᠭᠠᠨ ᠰᠢᠢᠳᠪᠦᠷᠢᠯᠡᠬᠦ ᠠᠵᠢᠯᠯᠠᠭ᠎ᠠ ᠳᠤ ᠬᠠᠷᠢᠯᠴᠠᠨ ᠦᠢᠯᠡᠳᠦᠯᠴᠡᠨ ᠬᠠᠷᠢᠯᠴᠠᠨ ᠨᠥᠬᠦᠪᠦᠷᠢᠯᠡᠵᠦ ᠥᠨᠴᠥᠭ | ᠪᠤᠯᠤᠩ ᠦᠯᠡᠳᠡᠭᠡᠬᠦ ᠦᠭᠡᠢ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠠᠴᠠ ᠥᠪᠡᠷ ᠥᠪᠡᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠬᠦᠴᠦ ᠪᠠᠨ | ᠬᠠᠮᠲᠤᠳᠬᠠᠨ ᠬᠠᠮᠵᠢᠯᠴᠠᠨ ᠠᠵᠢᠯᠯᠠᠬᠤ᠂ ᠲᠤᠶᠢᠯ ᠤᠨ ᠣᠨᠣᠪᠴᠢᠲᠠᠢ ᠪᠠᠷ ᠴᠣᠬᠢᠯᠲᠠ ᠥᠭᠬᠦ ᠵᠡᠷᠭᠡ ᠶᠢ ᠭᠦᠢᠴᠡᠳᠬᠡᠵᠦ᠂ ᠰᠦᠷ ᠬᠦᠴᠦᠨ ᠢ ᠢᠯᠡᠷᠡᠭᠦᠯᠦᠨ᠂ ᠦᠷ᠎ᠡ | ᠪᠦᠲᠦᠮᠵᠢ ᠭᠠᠷᠭᠠᠵᠤ᠂ ᠬᠠᠤᠯᠢ ᠪᠤᠰᠤ ᠦᠢᠯᠡ ᠠᠵᠢᠯᠯᠠᠭ᠎ᠠ ᠳᠤ ᠪᠦᠲᠦᠮᠵᠢᠲᠡᠢ ᠪᠠᠷ ᠰᠦᠷᠳᠡᠭᠦᠯᠦᠯ ᠦᠵᠡᠭᠦᠯᠵᠦ᠂ ︽ᠣᠭᠲᠣ ᠠᠭᠤᠴᠢᠯᠠᠬᠤ ᠦᠭᠡᠢ︾ ᠣᠪᠣᠷ ᠢᠶᠠᠷ | ︽ᠢᠳᠡᠬᠦ ᠡᠮᠦᠰᠬᠦ ᠶᠠᠪᠤᠬᠤ ᠰᠠᠭᠤᠬᠤ︾ ᠳᠤᠮᠳᠠᠬᠢ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠤᠭᠰᠠᠨ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠬᠠᠤᠯᠢ ᠶᠣᠰᠣᠭᠠᠷ ᠴᠡᠭᠴᠡᠯᠡᠨ ᠵᠠᠰᠠᠨ᠎ᠠ᠃ | ᠬᠤᠶᠠᠷ ᠲᠤ᠂ ᠭᠤᠣᠯᠳᠠᠯᠭ᠎ᠠ ᠶᠢ ᠲᠣᠪᠣᠶᠢᠯᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠎ᠡ᠃ ᠬᠥᠳᠡᠭᠡ ᠲᠣᠰᠬᠤᠨ ᠤ ᠬᠡᠷᠡᠭᠯᠡᠭᠡ ᠶᠢᠨ ᠵᠠᠬ᠎ᠠ ᠳᠡᠯᠭᠡᠭᠦᠷ᠂ | ᠢᠳᠡᠭᠡᠨ ᠤ ᠠᠮᠤᠷ ᠲᠦᠪᠰᠢᠨ᠂ ᠦᠢᠯᠡᠴᠢᠯᠡᠭᠡᠨ ᠤ ᠬᠦᠷᠢᠶ᠎ᠡ ᠴᠠᠷᠠᠭᠠᠨ ᠤ ᠬᠡᠷᠡᠭᠯᠡᠭᠡ ᠶᠢᠨ ᠡᠷᠬᠡ ᠶᠢ ᠬᠠᠮᠠᠭᠠᠯᠠᠬᠤ ᠪᠠᠷ ᠭᠤᠣᠯᠳᠠᠯᠭ᠎ᠠ ᠪᠣᠯᠭᠠᠵᠤ᠂ ᠴᠡᠭᠴᠡᠯᠡᠨ ᠵᠠᠰᠠᠬᠤ | ᠡᠷᠴᠢᠮ ᠢ ᠴᠢᠩᠭᠠᠷᠠᠭᠤᠯᠤᠨ᠎ᠠ᠃ ᠣᠷᠣᠯᠭ᠎ᠠ ᠶᠢᠨ ᠬᠢᠷᠢ ᠲᠦᠪᠰᠢᠨ᠂ ᠬᠡᠷᠡᠭᠯᠡᠭᠡ ᠶᠢᠨ ᠦᠵᠡᠯᠲᠡ ᠵᠢᠴᠢ ᠡᠷᠬᠡ ᠪᠠᠨ ᠬᠠᠮᠠᠭᠠᠯᠠᠬᠤ ᠦᠵᠡᠯ ᠤᠬᠠᠮᠰᠠᠷ ᠵᠡᠷᠭᠡ ᠲᠠᠯ᠎ᠠ ᠶᠢᠨ | ᠬᠢᠵᠠᠭᠠᠷᠯᠠᠯ ᠠᠴᠠ ᠪᠣᠯᠵᠤ᠂ ᠣᠶᠢᠷ᠎ᠠ ᠶᠢᠨ ᠵᠢᠯ ᠤᠳ ᠠᠴᠠ ᠨᠠᠭᠠᠰᠢ᠂ ᠬᠥᠳᠡᠭᠡ ᠲᠣᠰᠬᠤᠨ ᠤ ᠵᠠᠬ᠎ᠠ ᠳᠡᠯᠭᠡᠭᠦᠷ ᠤᠨ ᠬᠠᠭᠤᠷᠮᠠᠭ ᠮᠠᠭᠤ ᠪᠠᠷᠠᠭᠠᠨ ᠤ ᠢᠯᠡᠷᠡᠬᠦ ᠨᠣᠷᠮ᠎ᠠ | ᠨᠢ ᠬᠤᠲᠠ ᠠᠴᠠ ᠬᠤᠯᠠ ᠥᠨᠳᠥᠷ ᠪᠠᠶᠢᠵᠤ᠂ ᠵᠠᠷᠢᠮ ᠬᠠᠭᠤᠷᠮᠠᠭ ᠪᠠᠷᠠᠭ᠎ᠠ ᠦᠢᠯᠡᠳᠦᠨ ᠪᠣᠷᠣᠯᠠᠭᠤᠯᠬᠤ ᠦᠢᠯᠡ ᠠᠵᠢᠯᠯᠠᠭ᠎ᠠ ᠨᠢ᠂ ᠴᠢᠨᠠᠭᠰᠢᠯᠠᠭᠠᠳ ᠰᠢᠭᠤᠳ ᠬᠥᠳᠡᠭᠡ | ᠲᠣᠰᠬᠤᠨ ᠤ ᠵᠠᠬ᠎ᠠ ᠳᠡᠯᠭᠡᠭᠦᠷ ᠲᠤ ᠴᠢᠭᠯᠡᠭᠦᠯᠵᠦ᠂ ᠬᠥᠳᠡᠭᠡ ᠲᠣᠰᠬᠤᠨ ᠤ ᠥᠷᠭᠡᠨ ᠣᠯᠠᠨ ᠬᠡᠷᠡᠭᠯᠡᠭᠴᠢ ᠳᠤ ᠮᠠᠰᠢ ᠶᠡᠭᠡ ᠬᠤᠣᠷ ᠬᠥᠨᠥᠭᠡᠯ ᠢ ᠪᠣᠢ ᠪᠣᠯᠭᠠᠪᠠ᠃ | ᠳᠡᠭᠡᠷ᠎ᠡ ᠬᠠᠭᠠᠰ ᠵᠢᠯ ᠳᠤ ᠪᠢᠳᠡ ᠪᠦᠬᠦ ᠬᠤᠲᠠ ᠶᠢᠨ ᠲᠣᠮᠣ ᠬᠡᠯᠪᠡᠷᠢ ᠶᠢᠨ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ᠂ ᠢᠳᠡᠭᠡᠨ ᠤ ᠪᠥᠭᠡᠮ ᠢᠶᠠᠷ ᠪᠣᠷᠣᠯᠠᠭᠤᠯᠬᠤ ᠵᠠᠬ᠎ᠠ | ᠳᠡᠯᠭᠡᠭᠦᠷ ᠲᠤ ᠪᠠᠶᠢᠴᠠᠭᠠᠯᠲᠠ ᠬᠢᠬᠦ ᠶᠠᠪᠤᠴᠠ ᠳᠤ ᠢᠯᠡᠷᠡᠭᠦᠯᠦᠭᠰᠡᠨ ᠢᠶᠠᠷ᠂ ᠡᠳᠡᠭᠡᠷ ᠵᠠᠬ᠎ᠠ ᠳᠡᠯᠭᠡᠭᠦᠷ ᠤᠨ ᠪᠣᠷᠣᠯᠠᠭᠤᠯᠤᠭᠰᠠᠨ ︽ᠳᠥᠷᠪᠡᠨ ᠴᠠᠭᠠᠨ︾ ᠢᠳᠡᠭᠡᠨ᠂ | ᠲᠤᠬᠠᠶᠢᠯᠠᠪᠠᠯ ᠹᠧᠨᠲ᠋ᠢᠶᠣᠤᠷ᠂ ᠳ᠋ᠧᠦᠹᠦ᠋᠂ ᠮᠠᠨᠲᠠᠤ᠂ ᠪᠤᠷᠴᠠᠭ ᠤᠨ ᠨᠠᠬᠢᠶ᠎ᠠ ᠳᠤ ᠶᠠᠰᠤ ᠴᠢᠨᠠᠷ ᠤᠨ ᠠᠮᠤᠷ ᠲᠦᠪᠰᠢᠨ ᠤ ᠠᠰᠠᠭᠤᠳᠠᠯ ᠨᠡᠶᠢᠳᠡᠮ ᠳᠤ ᠪᠠᠨ ᠣᠷᠣᠰᠢᠵᠤ | ᠪᠠᠶᠢᠨ᠎ᠠ᠃ ᠡᠭᠦᠨ ᠳᠤ᠂ ᠳᠣᠣᠷ᠎ᠠ ᠬᠠᠭᠠᠰ ᠵᠢᠯ ᠳᠤ ᠪᠢᠳᠡ ︽ᠳᠥᠷᠪᠡᠨ ᠴᠠᠭᠠᠨ︾ ᠢᠳᠡᠭᠡᠨ ᠤ ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠶᠢ ᠳᠥᠷᠪᠡᠨ ᠶᠡᠭᠡ | ᠬᠦᠷᠢᠶ᠎ᠡ ᠴᠠᠷᠠᠭᠠᠨ ᠤ ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠳᠤ ᠣᠷᠣᠭᠤᠯᠵᠠᠢ᠃ | ᠭᠤᠷᠪᠠ ᠳᠤ᠂ ᠵᠠᠭᠤᠴᠢᠯᠠᠭᠤᠷ ᠪᠠ ᠨᠡᠶᠢᠭᠡᠮ ᠯᠦᠭᠡ ᠬᠠᠷᠢᠯᠴᠠᠨ ᠦᠢᠯᠡᠳᠦᠯᠴᠡᠬᠦ ᠶᠢ ᠰᠠᠨᠠᠭᠠᠴᠢᠯᠠᠭ᠎ᠠ ᠠᠴᠠ ᠪᠠᠨ ᠴᠢᠩᠭᠠᠳᠬᠠᠨ᠎ᠠ᠃ ᠡᠷᠬᠡᠰᠢᠶᠡᠬᠦ ᠥᠨᠳᠥᠷᠴᠡ ᠶᠢ | ᠡᠵᠡᠮᠳᠡᠨ᠂ ᠤᠬᠠᠭᠤᠯᠭ᠎ᠠ ᠶᠢᠨ ᠳᠠᠶᠢᠨ ᠢ ᠰᠠᠶᠢᠲᠤᠷ ᠬᠢᠵᠦ᠂ ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠬᠢᠵᠦ ᠪᠠᠶᠢᠴᠠᠭᠠᠨ ᠰᠢᠢᠳᠪᠦᠷᠢᠯᠡᠭᠰᠡᠨ ᠬᠡᠷᠡᠭ ᠢᠶᠠᠷ | ᠭᠤᠣᠯᠳᠠᠯᠭ᠎ᠠ ᠪᠣᠯᠭᠠᠨ᠂ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡᠴᠢᠯᠡᠨ ᠮᠡᠳᠡᠭᠡᠯᠡᠵᠦ᠂ ᠬᠠᠤᠯᠢ ᠬᠡᠷᠡᠭᠵᠢᠭᠦᠯᠬᠦ ᠡᠷᠬᠡ ᠰᠦᠷ ᠢ ᠪᠣᠢ ᠪᠣᠯᠭᠠᠵᠤ᠂ ᠰᠣᠨᠢᠨ ᠮᠡᠳᠡᠭᠡ | ᠨᠡᠶᠢᠲᠡᠯᠡᠬᠦ ᠬᠤᠷᠠᠯ ᠪᠠ ᠵᠠᠭᠤᠴᠢᠯᠠᠭᠤᠷ ᠤᠨ ᠰᠣᠯᠢᠯᠴᠠᠭᠠᠨ ᠤ ᠬᠤᠷᠠᠯ ᠬᠤᠷᠠᠯᠳᠤᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠵᠥᠪ ᠲᠠᠯ᠎ᠠ ᠠᠴᠠ ᠤᠬᠠᠭᠤᠯᠭ᠎ᠠ ᠬᠢᠵᠦ᠂ | ᠨᠡᠶᠢᠭᠡᠮ ᠤᠨ ᠠᠩᠬᠠᠷᠤᠯ ᠳᠤ ᠴᠠᠭ ᠲᠤᠬᠠᠢ ᠳᠤ ᠨᠢ ᠬᠠᠷᠢᠭᠤ ᠲᠤᠰᠬᠠᠵᠤ᠂ ᠨᠡᠩ ᠣᠯᠠᠨ ᠬᠥᠮᠥᠰ ᠲᠤ ᠮᠡᠳᠡᠭᠦᠯᠦᠨ᠂ ᠨᠡᠩ ᠣᠯᠠᠨ ᠬᠡᠷᠡᠭᠯᠡᠭᠴᠢ ᠶᠢ ᠣᠷᠣᠯᠴᠠᠭᠤᠯᠵᠤ᠂ | ᠨᠡᠶᠢᠭᠡᠮ ᠤᠨ ᠬᠠᠮᠲᠤ ᠶᠢᠨ ᠵᠠᠰᠠᠯᠲᠠ ᠶᠢᠨ ᠰᠠᠶᠢᠨ ᠰᠠᠶᠢᠬᠠᠨ ᠪᠠᠶᠢᠳᠠᠯ ᠢ ᠪᠦᠷᠢᠯᠳᠦᠭᠦᠯᠦᠨ᠎ᠡ᠃ | ᠳᠥᠷᠪᠡ ᠳᠤ᠂ ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠶᠢᠨ ᠦᠷ᠎ᠡ ᠪᠦᠲᠦᠮᠵᠢ ᠳᠤ ᠦᠨᠡᠯᠡᠨ ᠵᠢᠱᠢᠯᠲᠡ ᠬᠢᠬᠦ ᠶᠢ ᠥᠷᠨᠢᠭᠦᠯᠦᠨ᠎ᠡ᠃ ᠪᠢᠳᠡ | ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ᠂ ᠢᠯᠡ ᠪᠠᠷ ᠪᠠᠶᠢᠴᠠᠭᠠᠵᠤ ᠳᠠᠯᠳᠠ ᠪᠠᠷ ᠰᠤᠷᠪᠤᠯᠵᠢᠯᠠᠬᠤ᠂ ᠲᠤᠬᠠᠢ ᠶᠢᠨ ᠭᠠᠵᠠᠷ ᠲᠤ ᠨᠢ ᠬᠦᠷᠴᠦ | ᠰᠤᠷᠪᠤᠯᠵᠢᠯᠠᠬᠤ ᠪᠠ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠷᠢᠭᠤ ᠲᠤᠰᠬᠠᠯ ᠢ ᠰᠣᠨᠣᠰᠬᠤ ᠵᠡᠷᠭᠡ ᠬᠡᠯᠪᠡᠷᠢ ᠪᠠᠷ᠂ ᠲᠤᠰᠬᠠᠢ ᠵᠦᠢᠯ ᠤᠨ ᠴᠡᠭᠴᠡᠯᠡᠯᠲᠡ | ᠵᠠᠰᠠᠯᠲᠠ ᠶᠢ ᠥᠷᠨᠢᠭᠦᠯᠵᠦ ᠬᠠᠭᠤᠷᠮᠠᠭ ᠮᠠᠭᠤ ᠪᠠᠷᠠᠭ᠎ᠠ ᠳᠤ ᠴᠣᠬᠢᠯᠲᠠ ᠥᠭᠬᠦ ᠡᠷᠴᠢᠮ ᠢ ᠴᠢᠩᠭᠠᠷᠠᠭᠤᠯᠤᠨ᠂ ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠶᠢᠨ ᠦᠷ᠎ᠡ | ᠪᠦᠲᠦᠮᠵᠢ ᠶᠢ ᠡᠵᠡᠮᠰᠢᠵᠦ᠂ ᠬᠡᠷᠡᠭᠯᠡᠭᠴᠢᠳ ᠤᠨ ᠬᠠᠨᠤᠮᠵᠢᠲᠠᠢ ᠡᠰᠡᠬᠦ ᠪᠠᠷ ᠪᠠᠷᠢᠮᠵᠢᠶ᠎ᠠ ᠪᠣᠯᠭᠠᠨ᠂ ᠠᠰᠠᠭᠤᠳᠠᠯ ᠢ ᠡᠷᠢᠵᠦ᠂ ᠳᠤᠲᠠᠭᠤᠳᠠᠯ ᠢᠶᠠᠨ ᠢᠯᠡᠷᠡᠭᠦᠯᠵᠦ᠂ | ᠲᠤᠶᠢᠯ ᠤᠨ ᠣᠨᠣᠪᠴᠢᠲᠠᠢ ᠪᠠᠷ ᠬᠢᠨᠠᠨ ᠬᠠᠮᠢᠶᠠᠷᠬᠤ ᠪᠠ ᠴᠢᠩᠭ᠎ᠠ ᠬᠠᠤᠯᠢ ᠬᠡᠷᠡᠭᠵᠢᠭᠦᠯᠬᠦ ᠶᠢ ᠤᠯᠠᠮ ᠨᠢᠭᠡ ᠠᠯᠬᠤᠮ ᠠᠬᠢᠭᠤᠯᠤᠨ᠎ᠠ᠃ | ᠲᠠᠪᠤ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭᠠᠨ ᠤ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠶᠠᠯᠠᠲᠤ | ᠠᠵᠢᠯᠯᠠᠭ᠎ᠠ ᠳᠤ ᠴᠣᠬᠢᠯᠲᠠ ᠥᠭᠬᠦ ᠪᠠ ᠵᠠᠯᠬᠠᠭᠠᠨ ᠰᠢᠢᠳᠬᠡᠬᠦ ᠶᠢ ᠨᠢᠭᠡᠳᠦᠯᠲᠡᠢ ᠪᠠᠷ ᠲᠥᠯᠥᠪᠯᠡᠨ ᠠᠬᠢᠭᠤᠯᠤᠨ᠎ᠠ᠃ ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠶᠢ | ᠵᠣᠬᠢᠶᠠᠨ ᠪᠠᠶᠢᠭᠤᠯᠬᠤ ᠶᠢᠨ ᠬᠠᠮᠲᠤ᠂ ᠪᠢᠳᠡ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠠᠰᠠᠭᠤᠳᠠᠯ ᠤᠨ ᠭᠤᠣᠯᠳᠠᠯᠭ᠎ᠠ ᠲᠠᠢ ᠭᠠᠵᠠᠷ ᠣᠷᠣᠨ᠂ | ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠣᠷᠣᠨ ᠬᠡᠪᠴᠢᠶ᠎ᠡ ᠳᠤ ᠠᠩᠬᠠᠷᠤᠭᠤᠯᠤᠨ ᠲᠥᠪᠯᠡᠷᠡᠭᠦᠯᠵᠦ᠂ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠢᠶᠠᠷ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠨ ᠤᠰᠠᠳᠬᠠᠬᠤ ᠶᠢᠨ ︽ᠭᠤᠣᠯ ᠳᠠᠶᠢᠨ ᠤ ᠲᠠᠯᠠᠪᠤᠷ︾ ᠪᠣᠯᠭᠠᠨ᠂ ᠠᠵᠢᠯ ᠲᠥᠷᠥᠯ ᠤᠨ ᠬᠢᠨ ᠢ ᠮᠡᠬᠡᠯᠡᠨ ᠵᠠᠬ᠎ᠠ | ᠳᠡᠯᠭᠡᠭᠦᠷ ᠢ ᠡᠵᠡᠷᠬᠡᠭᠯᠡᠬᠦ᠂ ᠠᠯᠪᠠᠳᠠᠯᠭ᠎ᠠ ᠪᠠᠷ ᠬᠤᠳᠠᠯᠳᠤᠭᠠᠯᠠᠬᠤ ᠪᠠ ᠬᠠᠮᠠᠭᠠᠯᠠᠯᠲᠠ ᠶᠢᠨ ᠰᠦᠢᠳᠬᠡᠯ ᠬᠤᠷᠢᠶᠠᠬᠤ ᠵᠡᠷᠭᠡ ᠭᠤᠷᠪᠠᠨ ᠲᠥᠷᠥᠯ ᠤᠨ ᠬᠠᠷ᠎ᠠ ᠪᠦᠯᠦᠭᠲᠡᠨ | ᠬᠠᠷᠭᠢᠰ ᠬᠦᠴᠦᠨ ᠳᠤ ᠬᠤᠯᠪᠣᠭᠳᠠᠭᠰᠠᠨ ᠰᠦᠪᠡᠭᠴᠢ ᠶᠢ ᠭᠤᠣᠯᠳᠠᠯᠭ᠎ᠠ ᠲᠠᠢ ᠪᠠᠷ ᠢᠯᠭᠠᠨ ᠪᠠᠶᠢᠴᠠᠭᠠᠵᠤ᠂ ᠰᠠᠯᠠᠭ᠎ᠠ ᠮᠥᠴᠢᠷ ᠤᠳ ᠤᠨ ᠬᠤᠭᠤᠷᠣᠨᠳᠤᠬᠢ | ᠵᠣᠬᠢᠴᠠᠭᠤᠯᠭ᠎ᠠ ᠣᠶᠢᠯᠠᠭᠠᠯᠴᠠᠭ᠎ᠠ ᠶᠢ ᠴᠢᠩᠭᠠᠳᠬᠠᠨ᠂ ᠬᠡᠷᠡᠭ ᠤᠨ ᠰᠦᠪᠡᠭᠴᠢ ᠶᠢ ᠮᠡᠳᠡᠭᠡᠯᠡᠨ ᠨᠡᠪᠲᠡᠷᠡᠭᠦᠯᠬᠦ᠂ ᠬᠤᠯᠪᠣᠭᠠᠯᠠᠨ ᠬᠠᠤᠯᠢ ᠬᠡᠷᠡᠭᠵᠢᠭᠦᠯᠬᠦ᠂ ᠬᠡᠷᠡᠭ ᠢ | ᠰᠢᠯᠵᠢᠭᠦᠯᠦᠨ ᠬᠦᠷᠭᠡᠬᠦ ᠵᠡᠷᠭᠡ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠴᠤᠭ ᠢᠶᠠᠷ ᠠᠳᠬᠤᠨ ᠬᠠᠮᠲᠤ ᠪᠠᠷ ᠬᠠᠮᠢᠶᠠᠷᠬᠤ ᠪᠠ ᠶᠡᠷᠦᠩᠬᠡᠶᠢᠯᠡᠨ | ᠴᠡᠭᠴᠡᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ ᠶᠢ ᠪᠦᠷᠢᠯᠳᠦᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠨ ᠤᠰᠠᠳᠬᠠᠬᠤ ᠪᠠ ︽ᠳᠥᠷᠪᠡᠨ ᠶᠡᠭᠡ | ᠬᠦᠷᠢᠶ᠎ᠡ ᠴᠠᠷᠠᠭᠠᠨ︾ ᠤ ᠲᠤᠰᠬᠠᠢ ᠵᠦᠢᠯ ᠤᠨ ᠴᠡᠭᠴᠡᠯᠡᠨ ᠵᠠᠰᠠᠬᠤ ᠠᠵᠢᠯ ᠳᠤ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠨ᠎ᠠ᠃ | ᠬᠥᠲᠥᠯᠥᠭᠴᠢ᠄ | ᠰᠠᠶᠢᠨ ᠪᠣᠯᠣᠯ᠎ᠠ᠂ ᠯᠢ ᠲᠣᠪᠴᠢᠶᠠᠨ ᠳᠠᠷᠤᠭ᠎ᠠ ᠶᠢᠨ ᠲᠠᠶᠢᠯᠤᠮᠵᠢ ᠬᠢᠭᠰᠡᠨ ᠳᠤ ᠪᠠᠶᠠᠷᠯᠠᠯ᠎ᠠ᠃ ᠲᠤᠰ ᠤᠳᠠᠭᠠᠨ ᠤ ᠲᠠᠶᠢᠯᠤᠮᠵᠢ ᠪᠠᠷ ᠳᠠᠮᠵᠢᠭᠤᠯᠤᠨ᠂ ᠥᠷᠭᠡᠨ | ᠣᠯᠠᠨ ᠰᠦᠯᠵᠢᠶᠡᠨ ᠤ ᠠᠨᠳᠠ ᠳᠤ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠪᠦᠬᠦ ᠣᠷᠣᠨ ᠤ | ᠬᠡᠪᠴᠢᠶᠡᠨ ᠳᠤ ᠥᠷᠨᠢᠭᠦᠯᠦᠭᠰᠡᠨ ︽ᠢᠳᠡᠬᠦ ᠡᠮᠦᠰᠬᠦ ᠶᠠᠪᠤᠬᠤ ᠰᠠᠭᠤᠬᠤ︾ ᠳᠥᠷᠪᠡᠨ ᠶᠡᠭᠡ ᠬᠦᠷᠢᠶ᠎ᠡ ᠴᠠᠷᠠᠭᠠᠨ ᠳᠤ ᠬᠤᠯᠪᠣᠭᠳᠠᠭᠰᠠᠨ ᠲᠤᠰᠬᠠᠢ ᠵᠦᠢᠯ ᠤᠨ | ᠴᠡᠭᠴᠡᠯᠡᠯᠲᠡ ᠵᠠᠰᠠᠯᠲᠠ ᠶᠢᠨ ᠴᠢᠬᠤᠯᠠ ᠴᠢᠨᠠᠷ ᠪᠠ ᠵᠠᠶᠢᠯᠠᠰᠢ ᠦᠭᠡᠢ ᠴᠢᠨᠠᠷ ᠢ ᠨᠡᠩ ᠭᠦᠨᠵᠡᠭᠡᠢ ᠣᠶᠢᠯᠠᠭᠠᠭᠤᠯᠪᠠ᠃ ᠡᠨᠡ ᠤᠳᠠᠭᠠᠨ ᠤ ᠠᠷᠠᠳ ᠲᠦᠮᠡᠨ ᠤ ᠡᠳᠦᠷ | ᠲᠤᠲᠤᠮ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠲᠤᠰᠬᠠᠢ ᠵᠦᠢᠯ ᠤᠨ ᠴᠡᠭᠴᠡᠯᠡᠯᠲᠡ ᠵᠠᠰᠠᠯᠲᠠ ᠶᠢ ᠥᠷᠨᠢᠭᠦᠯᠬᠦ ᠪᠠᠷ ᠳᠠᠮᠵᠢᠭᠤᠯᠤᠨ᠂ ᠪᠢᠳᠡᠨ ᠳᠤ ᠠᠮᠦᠷ | ᠲᠦᠪᠰᠢᠨ ᠪᠥᠭᠡᠳ ᠰᠡᠳᠬᠢᠯ ᠠᠮᠠᠷ ᠬᠡᠷᠡᠭᠯᠡᠭᠡ ᠶᠢᠨ ᠣᠷᠴᠢᠨ ᠲᠣᠭᠤᠷᠢᠨ ᠢ ᠨᠡᠩ ᠰᠠᠶᠢᠲᠤᠷ ᠪᠣᠢ ᠪᠣᠯᠭᠠᠵᠤ᠂ ᠣᠯᠠᠨ ᠲᠦᠮᠡᠨ ᠤ ᠬᠤᠳᠠᠯᠳᠤᠨ ᠠᠪᠬᠤ ᠳᠤ ᠰᠡᠳᠬᠢᠯ | ᠠᠮᠠᠷ᠂ ᠬᠡᠷᠡᠭᠯᠡᠬᠦ ᠳᠤ ᠰᠡᠳᠬᠢᠯ ᠠᠮᠠᠷ᠂ ᠢᠳᠡᠬᠦ ᠳᠤ ᠰᠡᠳᠬᠢᠯ ᠠᠮᠠᠷ ᠪᠠᠶᠢᠬᠤ ᠶᠢ ᠪᠠᠲᠤᠯᠠᠵᠤ ᠴᠢᠳᠠᠬᠤ ᠶᠢ ᠪᠠᠲᠤ ᠢᠲᠡᠭᠡᠵᠦ ᠪᠠᠶᠢᠨ᠎ᠠ᠃ ᠴᠠᠭ ᠤᠨ ᠬᠠᠷᠠᠭ᠎ᠠ ᠠᠴᠠ᠂ | ᠮᠠᠨ ᠤ ᠥᠨᠥᠳᠥᠷ ᠤᠨ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠬᠦ ᠪᠣᠯᠣᠯ᠎ᠠ᠂ ᠳᠠᠷᠠᠭᠠᠴᠢ ᠶᠢᠨ ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ︕ |