ᠬᠥᠬᠡᠬᠤᠲᠠ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠲᠦᠷᠦᠭᠦᠦ 7 ᠰᠠᠷ᠎ᠠ ᠳᠤ ᠮᠠᠨ ᠤ ᠣᠷᠣᠨ ᠤ ︽ᠨᠢᠭᠡ ᠪᠦᠰᠡ ᠨᠢᠭᠡ ᠵᠠᠮ︾ | ᠳᠠᠭᠠᠤ ᠤᠯᠤᠰ ︵ᠳᠥᠭᠦᠮᠴᠢᠯᠡᠭᠡᠳ ᠵᠠᠮ ᠳᠠᠭᠠᠤ ᠤᠯᠤᠰ︶ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ 420.7 ᠳ᠋ᠦᠩᠰᠢᠭᠤᠷ ᠲᠥᠭᠦᠷᠢᠭ ᠲᠤ ᠬᠦᠷᠴᠦ᠂ | ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ︵ᠳᠣᠲᠣᠭᠰᠢ ᠠᠳᠠᠯᠢ︶ 7.3% ᠪᠠᠷ ᠨᠡᠮᠡᠭᠳᠡᠵᠦ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ | ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠠᠳᠠᠯᠢ ᠬᠤᠭᠤᠴᠠᠭᠠᠨ ᠤ ᠶᠡᠷᠦᠩᠬᠡᠶ ᠥᠷᠲᠡᠭ ᠤᠨ 66.4% ᠶᠢ ᠡᠵᠡᠯᠡᠪᠡ᠃ ᠡᠭᠦᠨ ᠳᠤ᠂ ᠭᠠᠳᠠᠭᠠᠳᠤ ᠭᠠᠷᠭᠠᠯᠲᠠ | 120.7 ᠳ᠋ᠦᠩᠰᠢᠭᠤᠷ ᠲᠥᠭᠦᠷᠢᠭ ᠲᠤ ᠬᠦᠷᠴᠦ᠂ 5.5% ᠪᠠᠷ ᠪᠠᠭᠤᠷᠠᠪᠠ︔ ᠭᠠᠳᠠᠭᠠᠳᠤ ᠣᠷᠣᠭᠤᠯᠤᠯᠲᠠ 300 ᠳ᠋ᠦᠩᠰᠢᠭᠤᠷ ᠲᠥᠭᠦᠷᠢᠭ ᠲᠤ ᠬᠦᠷᠴᠦ᠂ 13. | 4% ᠪᠠᠷ ᠨᠡᠮᠡᠭᠳᠡᠪᠡ᠃ | ᠠᠷᠠᠯᠵᠢᠶᠠᠨ ᠤ ᠬᠠᠨᠢᠲᠠᠨ ᠠᠴᠠ ᠠᠪᠴᠤ ᠦᠵᠡᠪᠡᠯ᠂ ᠮᠣᠩᠭᠤᠯ ᠤᠯᠤᠰ ᠪᠣᠯᠤᠨ ᠣᠷᠣᠰ ᠪᠣᠯ ᠭᠤᠤᠯ ᠪᠣᠯᠬᠤ ᠠᠷᠠᠯᠵᠢᠶᠠᠨ ᠤ ᠬᠠᠨᠢᠲᠠᠨ ᠮᠦᠨ᠃ ᠲᠦᠷᠦᠭᠦᠦ | 7 ᠰᠠᠷ᠎ᠠ ᠳᠤ ᠮᠠᠨ ᠤ ᠣᠷᠣᠨ ᠤ ᠮᠣᠩᠭᠤᠯ ᠤᠯᠤᠰ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ 207.6 ᠳ᠋ᠦᠩᠰᠢᠭᠤᠷ ᠲᠥᠭᠦᠷᠢᠭ ᠲᠤ ᠬᠦᠷᠴᠦ᠂ 19. | 4% ᠪᠠᠷ ᠨᠡᠮᠡᠭᠳᠡᠪᠡ︔ ᠣᠷᠣᠰ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ 114.8 ᠳ᠋ᠦᠩᠰᠢᠭᠤᠷ ᠲᠥᠭᠦᠷᠢᠭ ᠲᠤ ᠬᠦᠷᠴᠦ᠂ 0.8% ᠪᠠᠷ ᠪᠠᠭᠤᠷᠠᠪᠠ | ︔ ᠥᠪᠡᠷᠲᠡᠭᠡᠨ ᠵᠠᠰᠠᠬᠤ ᠣᠷᠣᠨ ᠤ ᠵᠠᠮ ᠳᠠᠭᠠᠤ ᠶᠢᠨ ᠤᠯᠤᠰ ᠤᠳ ᠯᠤᠭ᠎ᠠ ᠶᠢᠨ ᠠᠳᠠᠯᠢ ᠬᠤᠭᠤᠴᠠᠭᠠᠨ ᠤ ᠭᠠᠳᠠᠭᠠᠳᠤ ᠠᠷᠠᠯᠵᠢᠶᠠᠨ ᠤ ᠥᠷᠲᠡᠭ ᠤᠨ 76.6% | ᠶᠢ ᠡᠵᠡᠯᠡᠪᠡ᠃ | ᠠᠷᠠᠯᠵᠢᠶᠠᠨ ᠤ ᠠᠷᠭ᠎ᠠ ᠬᠡᠯᠪᠡᠷᠢ ᠠᠴᠠ ᠦᠵᠡᠪᠡᠯ᠂ ᠬᠢᠯᠢ ᠶᠢᠨ ᠪᠠᠭ᠎ᠠ ᠲᠣᠭᠠᠨ ᠤ ᠠᠷᠠᠯᠵᠢᠶ᠎ᠠ ᠭᠤᠤᠯᠯᠠᠬᠤ ᠪᠠᠶᠢᠷᠢ ᠶᠢ ᠡᠵᠡᠯᠡᠵᠦ᠂ ᠡᠩ ᠤᠨ ᠠᠷᠠᠯᠵᠢᠶ᠎ᠠ | ᠦᠳᠲᠡᠷ ᠲᠦᠷᠭᠡᠨ ᠨᠡᠮᠡᠭᠳᠡᠪᠡ᠃ ᠲᠦᠷᠦᠭᠦᠦ 7 ᠰᠠᠷ᠎ᠠ ᠳᠤ ᠵᠠᠮ ᠳᠠᠭᠠᠤ ᠤᠯᠤᠰ ᠯᠤᠭ᠎ᠠ ᠶᠢᠨ ᠬᠢᠯᠢ ᠶᠢᠨ ᠪᠠᠭ᠎ᠠ ᠲᠣᠭᠠᠨ ᠤ ᠠᠷᠠᠯᠵᠢᠶᠠᠨ ᠤ ᠠᠷᠭ᠎ᠠ ᠬᠡᠯᠪᠡᠷᠢ ᠪᠠᠷ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠨᠢ 181.1 ᠳ᠋ᠦᠩᠰᠢᠭᠤᠷ ᠲᠥᠭᠦᠷᠢᠭ ᠲᠤ ᠬᠦᠷᠴᠦ᠂ 1.3% ᠪᠠᠷ ᠪᠠᠭᠤᠷᠠᠵᠤ᠂ 43% ᠶᠢ | ᠡᠵᠡᠯᠡᠪᠡ︔ ᠡᠩ ᠤᠨ ᠠᠷᠠᠯᠵᠢᠶᠠᠨ ᠤ ᠠᠷᠭ᠎ᠠ ᠬᠡᠯᠪᠡᠷᠢ ᠪᠠᠷ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠨᠢ 174.5 ᠳ᠋ᠦᠩᠰᠢᠭᠤᠷ ᠲᠥᠭᠦᠷᠢᠭ | ᠲᠤ ᠬᠦᠷᠴᠦ᠂ 22% ᠢᠶᠠᠷ ᠨᠡᠮᠡᠭᠳᠡᠵᠦ᠂ 41.5% ᠶᠢ ᠡᠵᠡᠯᠡᠪᠡ᠃ | ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠲᠠᠸᠠᠷ ᠠᠴᠠ ᠠᠪᠴᠤ ᠦᠵᠡᠪᠡᠯ᠂ ᠭᠠᠳᠠᠭᠠᠳᠤ ᠳᠤ ᠭᠠᠷᠭᠠᠬᠤ ᠳᠤ ᠪᠣᠯᠣᠳ ᠮᠠᠲ᠋ᠧᠷᠢᠶᠠᠯ᠂ ᠲᠠᠷᠢᠶᠠᠯᠠᠩ ᠤᠨ | ᠪᠦᠲᠦᠭᠡᠭᠳᠡᠬᠦᠨ ᠪᠣᠯᠣᠨ ᠮᠠᠰᠢᠨ ᠴᠠᠬᠢᠯᠭᠠᠨ ᠤ ᠦᠶᠯᠡᠳᠬᠦᠨ ᠢᠶᠠᠷ ᠭᠤᠤᠯ ᠪᠣᠯᠭᠠᠵᠠᠢ᠃ ᠵᠠᠮ ᠳᠠᠭᠠᠤ ᠤᠯᠤᠰ ᠲᠤ ᠭᠠᠷᠭᠠᠭᠰᠠᠨ ᠪᠣᠯᠣᠳ ᠮᠠᠲ᠋ᠧᠷᠢᠶᠠᠯ 31.1 | ᠳ᠋ᠦᠩᠰᠢᠭᠤᠷ ᠲᠥᠭᠦᠷᠢᠭ ᠲᠤ ᠬᠦᠷᠴᠦ᠂ 30.9% ᠪᠠᠷ ᠨᠡᠮᠡᠭᠳᠡᠪᠡ︔ ᠭᠠᠳᠠᠭᠠᠳᠤ ᠳᠤ ᠭᠠᠷᠭᠠᠬᠤ ᠲᠠᠷᠢᠶᠠᠯᠠᠩ ᠤᠨ ᠪᠦᠲᠦᠭᠡᠭᠳᠡᠬᠦᠨ 30.7 ᠳ᠋ᠦᠩᠰᠢᠭᠤᠷ | ᠲᠥᠭᠦᠷᠢᠭ ᠲᠤ ᠬᠦᠷᠴᠦ᠂ 1.1% ᠪᠠᠷ ᠨᠡᠮᠡᠭᠳᠡᠪᠡ︔ ᠭᠠᠳᠠᠭᠠᠳᠤ ᠳᠤ ᠭᠠᠷᠭᠠᠭᠰᠠᠨ ᠮᠧᠬᠠᠨᠢᠭ ᠴᠠᠬᠢᠯᠭᠠᠨ ᠤ ᠦᠶᠯᠡᠳᠬᠦᠨ 20.3 ᠳ᠋ᠦᠩᠰᠢᠭᠤᠷ ᠲᠥᠭᠦᠷᠢᠭ ᠲᠤ | ᠬᠦᠷᠴᠦ᠂ 43% ᠪᠠᠷ ᠪᠠᠭᠤᠷᠠᠪᠠ︔ ᠳᠡᠭᠡᠷ᠎ᠡ ᠳᠤᠷᠠᠳᠤᠭᠰᠠᠨ ᠵᠦᠶᠯ ᠨᠢ ᠥᠪᠡᠷᠲᠡᠭᠡᠨ ᠵᠠᠰᠠᠬᠤ ᠣᠷᠣᠨ ᠤ ᠵᠠᠮ ᠳᠠᠭᠠᠤ ᠤᠯᠤᠰ ᠤᠳ ᠲᠤ ᠭᠠᠷᠭᠠᠬᠤ ᠠᠳᠠᠯᠢ | ᠬᠤᠭᠤᠴᠠᠭᠠᠨ ᠤ ᠥᠷᠲᠡᠭ ᠤᠨ 68% ᠶᠢ ᠡᠵᠡᠯᠡᠭᠰᠡᠨ ᠪᠠᠶᠢᠨ᠎ᠠ᠃ ᠭᠠᠳᠠᠭᠠᠳᠤ ᠠᠴᠠ ᠣᠷᠣᠭᠤᠯᠬᠤ ᠳᠤ ᠡᠬᠢ ᠪᠠᠶᠠᠯᠢᠭ ᠤᠨ ᠴᠢᠨᠠᠷᠲᠠᠶ ᠲᠠᠸᠠᠷ ᠢᠶᠠᠷ ᠭᠤᠤᠯ | ᠪᠣᠯᠭᠠᠵᠤ᠂ ᠵᠠᠮ ᠳᠠᠭᠠᠤ ᠤᠯᠤᠰ ᠠᠴᠠ 113.2 ᠳ᠋ᠦᠩᠰᠢᠭᠤᠷ ᠲᠥᠭᠦᠷᠢᠭ ᠤᠨ ᠨᠡᠭᠦᠷᠡᠰᠦ ᠣᠷᠣᠭᠤᠯᠵᠤ᠂ 24.6% ᠪᠠᠷ ᠨᠡᠮᠡᠭᠳᠡᠪᠡ︔ ᠬᠦᠳᠡᠷ ᠤᠨ ᠡᠯᠡᠰᠦ 53. | 4 ᠳ᠋ᠦᠩᠰᠢᠭᠤᠷ ᠲᠥᠭᠦᠷᠢᠭ ᠣᠷᠣᠭᠤᠯᠵᠤ᠂ 10.4% ᠪᠠᠷ ᠨᠡᠮᠡᠭᠳᠡᠪᠡ︔ ᠬᠢᠷᠦᠭᠡᠳᠦᠭᠰᠡᠨ ᠮᠣᠳᠣᠨ ᠮᠠᠲ᠋ᠧᠷᠢᠶᠠᠯ 51.9 ᠳ᠋ᠦᠩᠰᠢᠭᠤᠷ ᠲᠥᠭᠦᠷᠢᠭ ᠣᠷᠣᠭᠤᠯᠵᠤ᠂ | 1.8% ᠪᠠᠷ ᠪᠠᠭᠤᠷᠠᠪᠠ︔ ᠳᠡᠭᠡᠷ᠎ᠡ ᠳᠤᠷᠠᠳᠤᠭᠰᠠᠨ ᠵᠦᠶᠯ ᠨᠢ ᠥᠪᠡᠷᠲᠡᠭᠡᠨ ᠵᠠᠰᠠᠬᠤ ᠣᠷᠣᠨ ᠤ ᠵᠠᠮ ᠳᠠᠭᠠᠤ ᠤᠯᠤᠰ ᠤᠳ ᠠᠴᠠ ᠠᠳᠠᠯᠢ ᠬᠤᠭᠤᠴᠠᠭᠠᠨ ᠳᠤ | ᠣᠷᠣᠭᠤᠯᠤᠭᠰᠠᠨ ᠥᠷᠲᠡᠭ ᠤᠨ 72.8% ᠶᠢ ᠡᠵᠡᠯᠡᠪᠡ᠃ | |