9 ᠳ᠋ᠦ᠋ᠭᠡᠷ ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠥᠪᠥᠷ ᠮᠣᠩᠭᠤᠯ ᠤᠨ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ | ᠬᠥᠭᠵᠢᠯᠲᠡ ᠶᠢᠨ ᠠᠮᠵᠢᠯᠲᠠ ᠪᠦᠲᠦᠮᠵᠢ︾ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ᠃ 70 ᠵᠢᠯ ᠤᠨ ᠲᠤᠷᠰᠢ᠂ ᠥᠪᠡᠷᠲᠡᠭᠡᠨ ᠵᠠᠰᠠᠬᠤ | ᠣᠷᠣᠨ ᠳᠤ ᠨᠡᠶᠢᠭᠡᠮ ᠤᠨ ᠪᠠᠲᠤᠯᠠᠭ᠎ᠠ ᠦᠭᠡᠢ ᠪᠠᠶᠢᠭᠰᠠᠨ ᠠᠴᠠ ᠪᠠᠨ ᠪᠠᠶᠢᠬᠤ ᠪᠣᠯᠵᠤ᠂ ᠪᠠᠭ᠎ᠠ ᠪᠠᠶᠢᠭᠰᠠᠨ ᠠᠴᠠ ᠪᠠᠨ ᠶᠡᠭᠡ ᠪᠣᠯᠣᠭᠰᠠᠨ᠂ ᠠᠵᠤ ᠠᠬᠤᠶᠢᠯᠠᠯ | ᠪᠠᠶᠢᠭᠤᠯᠭ᠎ᠠ ᠨᠢᠭᠡᠴᠢ ᠶᠢᠨ ᠪᠠᠲᠤᠯᠠᠭ᠎ᠠ ᠠᠴᠠ ᠪᠦᠬᠦ ᠨᠡᠶᠢᠭᠡᠮ ᠪᠦᠬᠦ ᠠᠷᠠᠳ ᠤᠨ ᠪᠠᠲᠤᠯᠠᠭ᠎ᠠ ᠲᠠᠢ ᠪᠣᠯᠣᠭᠰᠠᠨ᠂ ᠠᠵᠤ ᠠᠬᠤᠶᠢᠯᠠᠯ ᠤᠨ ᠳᠠᠩ ᠭᠠᠭᠴᠠ ᠬᠠᠷᠢᠭᠤᠴᠠᠯᠭ᠎ᠠ | ᠲᠠᠢ ᠪᠠᠶᠢᠭᠰᠠᠨ ᠠᠴᠠ ᠤᠯᠤᠰ᠂ ᠠᠵᠤ ᠠᠬᠤᠶᠢᠯᠠᠯ ᠪᠠᠶᠢᠭᠤᠯᠭ᠎ᠠ ᠨᠢᠭᠡᠴᠢ ᠪᠣᠯᠤᠨ ᠬᠤᠪᠢ ᠬᠥᠮᠦᠨ ᠭᠤᠷᠪᠠᠨ ᠲᠠᠯ᠎ᠠ ᠶᠢᠨ ᠬᠠᠮᠲᠤ ᠶᠢᠨ ᠬᠠᠷᠢᠭᠤᠴᠠᠯᠭ᠎ᠠ ᠲᠠᠢ | ᠪᠣᠯᠣᠭᠰᠠᠨ᠂ ᠬᠤᠲᠠ ᠪᠠᠯᠭᠠᠰᠤ ᠠᠴᠠ ᠮᠠᠯᠵᠢᠬᠤ ᠲᠠᠷᠢᠶᠠᠯᠠᠬᠤ ᠣᠷᠣᠨ ᠬᠦᠷᠲᠡᠯ᠎ᠡ ᠥᠷᠭᠡᠵᠢᠭᠰᠡᠨ᠂ ᠬᠤᠲᠠ ᠪᠠᠯᠭᠠᠰᠤᠨ ᠤ ᠠᠵᠢᠯᠲᠠᠨ ᠠᠵᠢᠯᠴᠢᠨ ᠠᠴᠠ ᠬᠤᠲᠠ | ᠬᠥᠳᠡᠭᠡ ᠶᠢᠨ ᠰᠠᠭᠤᠭᠠᠯᠢ ᠠᠷᠠᠳ ᠢ ᠪᠦᠷᠬᠦᠭᠰᠡᠨ ᠴᠢᠬᠤᠯᠠ ᠶᠡᠭᠡ ᠬᠤᠪᠢᠷᠠᠯᠲᠠ ᠲᠠᠢ ᠪᠣᠯᠵᠤ᠂ ᠨᠡᠶᠢᠭᠡᠮ ᠤᠨ ᠪᠠᠲᠤᠯᠠᠭ᠎ᠠ ᠶᠢᠨ ᠬᠠᠮᠤᠷᠬᠤ ᠬᠡᠪᠴᠢᠶ᠎ᠡ ᠲᠠᠰᠤᠷᠠᠯᠲᠠ | ᠦᠭᠡᠢ ᠥᠷᠭᠡᠳᠴᠦ᠂ ᠬᠠᠷᠠᠭᠠᠯᠵᠠᠯ ᠤᠨ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠨ᠂ ᠬᠠᠮᠢᠶᠠᠷᠤᠯᠲᠠ ᠪᠠ ᠦᠶᠯᠡᠴᠢᠯᠡᠭᠡᠨ ᠤ ᠴᠢᠳᠠᠪᠤᠷᠢ ᠲᠠᠰᠤᠷᠠᠯᠲᠠ ᠦᠭᠡᠢ | ᠴᠢᠩᠭᠠᠷᠠᠨ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠨᠡᠶᠢᠭᠡᠮ ᠤᠨ ᠡᠷᠬᠡ ᠲᠡᠭᠰᠢ ᠲᠥᠪ ᠭᠤᠤᠯᠴᠢ ᠶᠢ ᠬᠠᠮᠠᠭᠠᠯᠠᠬᠤ᠂ ᠠᠵᠤ ᠠᠬᠤᠢ ᠶᠢᠨ | ᠬᠥᠭᠵᠢᠯᠲᠡ ᠶᠢ ᠠᠬᠢᠭᠤᠯᠬᠤ ᠳᠤ ᠴᠢᠬᠤᠯᠠ ᠦᠶᠯᠡᠳᠦᠯ ᠦᠵᠡᠭᠦᠯᠪᠡ᠃ | ᠣᠯᠠᠨ ᠵᠢᠯ ᠤᠨ ᠲᠤᠷᠰᠢ᠂ ᠮᠠᠨ ᠤ ᠣᠷᠣᠨ ᠨᠡᠶᠢᠭᠡᠮ ᠤᠨ ᠳᠠᠭᠠᠳᠬᠠᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠪᠠᠷ | ᠳᠠᠮᠵᠢᠭᠤᠯᠤᠨ᠂ ᠪᠠᠲᠤᠯᠠᠭ᠎ᠠ ᠶᠢᠨ ᠬᠢᠷᠢ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠪᠡ᠃ 2019 ᠣᠨ ᠤ 8 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ | ᠣᠷᠣᠨ ᠤ ᠠᠵᠤ ᠠᠬᠤᠶᠢᠯᠠᠯ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 606.3 ᠲᠦᠮᠡ ᠳᠤ ᠬᠦᠷᠴᠦ᠂ 1986 | ᠣᠨ ᠳᠤ ᠳᠦᠷᠢᠮ ᠢ ᠠᠩᠬ᠎ᠠ ᠪᠠᠶᠢᠭᠤᠯᠤᠭᠰᠠᠨ ᠦᠶ᠎ᠡ ᠶᠢᠨ 2.6 ᠲᠦᠮᠡᠨ ᠬᠥᠮᠦᠨ ᠤ 233.2 ᠳᠠᠬᠢᠨ ᠪᠣᠯᠪᠠ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 755.2 ᠲᠦᠮᠡ ᠪᠣᠯᠵᠤ᠂ ᠳᠠᠭᠠᠳᠬᠠᠯ ᠳᠤ ᠣᠷᠣᠯᠴᠠᠭᠰᠠᠨ ᠨᠣᠷᠮ᠎ᠠ 98.4% ᠳᠤ ᠬᠦᠷᠴᠦ᠂ | 2012 ᠣᠨ ᠳᠤ ᠳᠦᠷᠢᠮ ᠢ ᠪᠦᠷᠢᠨ ᠪᠦᠷᠬᠦᠭᠦᠯᠦᠭᠰᠡᠨ ᠠᠩᠬᠠᠨ ᠤ ᠦᠶ᠎ᠡ ᠶᠢᠨ ᠬᠢ ᠠᠴᠠ 5.6 ᠵᠠᠭᠤᠨ ᠤ ᠴᠡᠭ ᠳᠡᠭᠡᠭᠰᠢᠯᠡᠪᠡ︔ ᠪᠠᠶᠢᠭᠤᠯᠭ᠎ᠠ ᠠᠵᠢᠯ ᠦᠢᠯᠡᠰ | ᠤᠨ ᠨᠢᠭᠡᠴᠢ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ 22811 ᠡᠷᠦᠬᠡ᠂ 139.8 ᠲᠦᠮᠡᠨ ᠬᠥᠮᠦᠨ ᠣᠷᠣᠯᠴᠠᠵᠤ᠂ ᠳᠠᠭᠠᠳᠬᠠᠯ ᠳᠤ ᠣᠷᠣᠯᠴᠠᠭᠰᠠᠨ | ᠨᠣᠷᠮ᠎ᠠ 100% ᠳᠤ ᠬᠦᠷᠪᠡ᠃ ᠡᠭᠦᠨ ᠤ ᠬᠠᠮᠲᠤ᠂ ᠬᠠᠷᠠᠭᠠᠯᠵᠠᠯ ᠤᠨ ᠬᠢᠷᠢ ᠲᠦᠪᠰᠢᠨ ᠦᠷᠭᠦᠯᠵᠢᠯᠡᠨ ᠳᠡᠭᠡᠭᠰᠢᠯᠡᠪᠡ᠃ ᠠᠵᠤ ᠠᠬᠤᠶᠢᠯᠠᠯ ᠤᠨ ᠠᠵᠢᠯ ᠠᠴᠠ ᠪᠠᠨ | ᠪᠠᠭᠤᠵᠤ ᠠᠮᠠᠷᠠᠭᠰᠠᠨ ᠬᠥᠮᠦᠰ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠠᠷᠪᠠᠨ ᠲᠠᠪᠤᠨ ᠵᠢᠯ ᠳᠠᠷᠠᠭᠠᠯᠠᠨ ᠨᠡᠮᠡᠭᠳᠡᠭᠦᠯᠵᠦ᠂ ᠬᠥᠮᠥᠨ ᠳᠤᠮᠳᠠᠴᠢ ᠶᠢᠨ ᠨᠠᠰᠤᠵᠢᠯ | ᠤᠨ ᠠᠰᠠᠷᠠᠮᠵᠢ ᠶᠢᠨ ᠮᠥᠩᠭᠦ ᠶᠢᠨ ᠬᠢᠷᠢ ᠲᠦᠪᠰᠢᠨ ᠢ 1986 ᠣᠨ ᠳᠤ ᠰᠠᠷ᠎ᠠ ᠪᠦᠷᠢ 32 ᠲᠥᠭᠦᠷᠢᠭ ᠪᠠᠶᠢᠭᠰᠠᠨ ᠠᠴᠠ ᠨᠢ 2019 ᠣᠨ ᠳᠤ ᠰᠠᠷ᠎ᠠ ᠪᠦᠷᠢ | 2613 ᠲᠥᠭᠦᠷᠢᠭ ᠪᠣᠯᠭᠠᠨ | ᠳᠡᠭᠡᠭᠰᠢᠯᠡᠭᠦᠯᠪᠡ᠃ | ᠣᠯᠠᠨ ᠵᠢᠯ ᠤᠨ ᠲᠤᠷᠰᠢ᠂ ᠮᠠᠨ ᠤ ᠣᠷᠣᠨ ᠪᠥᠬᠦ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠢᠰᠲ᠋ᠧᠮᠵᠢ ᠶᠢ ᠪᠦᠷᠢᠨᠰᠢᠭᠦᠯᠬᠦ ᠪᠠᠷ ᠳᠠᠮᠵᠢᠭᠤᠯᠤᠨ᠂ | ᠣᠯᠠᠨ ᠲᠦᠮᠡᠨ ᠤ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠶᠢ ᠴᠢᠷᠮᠠᠶᠢᠨ ᠬᠠᠩᠭᠠᠪᠠ᠃ 1999 ᠣᠨ ᠳᠤ ᠪᠦᠬᠦ ᠣᠷᠣᠨ ᠤ ᠬᠤᠲᠠ ᠪᠠᠯᠭᠠᠰᠤᠨ ᠤ | ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢ ᠥᠷᠨᠢᠭᠦᠯᠦᠭᠰᠡᠨ ᠠᠴᠠ ᠡᠬᠢᠯᠡᠨ᠂ 20 ᠵᠢᠯ ᠤᠨ | ᠦᠶᠯᠡᠳᠦᠯᠭᠡ ᠶᠢᠨ ᠰᠦᠪᠡᠭᠴᠢᠯᠡᠯᠲᠡ ᠪᠠᠷ ᠳᠠᠮᠵᠢᠭᠠᠳ᠂ ᠡᠳᠦᠭᠡ ᠨᠢᠭᠡᠨᠲᠡ ᠠᠵᠢᠯᠲᠠᠨ ᠠᠵᠢᠯᠴᠢᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ | ᠡᠮᠨᠡᠯᠭᠡ ᠶᠢᠨ ᠳᠠᠭᠠᠳᠬᠠᠯ ᠤᠨ ᠳᠦᠷᠢᠮ ᠢᠶᠠᠷ ᠭᠤᠤᠯ ᠴᠣᠭᠴᠠ ᠪᠣᠯᠭᠠᠵᠤ᠂ ᠶᠡᠭᠡ ᠲᠣᠭᠠᠨ ᠤ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ | ᠠᠵᠤ ᠠᠬᠤᠶᠢᠯᠠᠯ ᠤᠨ ᠨᠥᠬᠦᠪᠥᠷᠢ ᠡᠮ ᠡᠮᠨᠡᠯᠭᠡ ᠶᠢᠨ ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠳᠦᠷᠢᠮ ᠵᠡᠷᠭᠡ ᠪᠠᠷ ᠨᠥᠬᠦᠪᠥᠷᠢ ᠪᠣᠯᠭᠠᠭᠰᠠᠨ ᠣᠯᠠᠨ | ᠳᠡᠰ ᠳᠠᠪᠬᠤᠷᠭ᠎ᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠵᠤ᠂ ᠪᠦᠬᠦ ᠣᠷᠣᠨ ᠢ ᠬᠠᠮᠤᠷᠤᠭᠰᠠᠨ ᠪᠦᠬᠦ ᠠᠷᠠᠳ ᠤᠨ ᠦᠨᠳᠦᠰᠦᠨ ᠡᠮ | ᠡᠮᠨᠡᠯᠭᠡ ᠶᠢᠨ ᠪᠠᠲᠤᠯᠠᠭ᠎ᠠ ᠶᠢᠨ ᠰᠢᠰᠲ᠋ᠧᠮᠵᠢ ᠶᠢ ᠦᠨᠳᠦᠰᠦᠨ ᠳᠡᠭᠡᠨ ᠪᠤᠢ ᠪᠣᠯᠭᠠᠪᠠ᠃ 2019 ᠣᠨ ᠤ 8 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ | ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 2167 ᠲᠦᠮᠡ ᠳᠤ ᠬᠦᠷᠴᠦ᠂ ᠪᠠᠲᠤᠯᠠᠪᠠᠰᠤ ᠵᠣᠬᠢᠬᠤ ᠪᠦᠬᠦᠨ ᠢ | ᠪᠠᠲᠤᠯᠠᠬᠤ ᠶᠢ ᠦᠨᠳᠦᠰᠦᠨ ᠳᠤ ᠪᠠᠨ ᠪᠡᠶᠡᠯᠡᠭᠦᠯᠪᠡ᠃ | ᠣᠯᠠᠨ ᠵᠢᠯ ᠤᠨ ᠲᠤᠷᠰᠢ᠂ ᠮᠠᠨ ᠤ ᠣᠷᠣᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ | ᠤᠨ ᠠᠮᠢᠳᠤᠷᠠᠯ ᠤᠨ ᠪᠠᠲᠤᠯᠠᠭ᠎ᠠ ᠶᠢᠨ ᠬᠢᠵᠠᠭᠠᠷ ᠱᠤᠭᠤᠮ ᠢ ᠰᠠᠶᠢᠲᠤᠷ ᠪᠠᠲᠤᠯᠠᠪᠠ᠃ 1997 ᠣᠨ ᠳᠤ ᠬᠤᠲᠠ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ 365赢多少钱会被限额_国内有真正的365平台吗_365bet博彩官网 | ᠶᠢᠨ ᠳᠦᠷᠢᠮ ᠢ ᠪᠠᠶᠢᠭᠤᠯᠤᠨ ᠬᠡᠷᠡᠭᠵᠢᠭᠦᠯᠦᠭᠰᠡᠨ ᠠᠴᠠ ᠡᠬᠢᠯᠡᠨ᠂ ᠮᠠᠨ ᠤ ᠣᠷᠣᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ | ᠶᠢ ᠲᠠᠰᠤᠷᠠᠯᠲᠠ ᠦᠭᠡᠢ ᠴᠢᠩᠭᠠᠳᠬᠠᠵᠤ᠂ ᠣᠯᠠᠨ ᠵᠢᠯ ᠤᠨ ᠴᠢᠷᠮᠠᠶᠢᠯᠭ᠎ᠠ ᠪᠠᠷ ᠳᠠᠮᠵᠢᠭᠠᠳ᠂ ᠣᠳᠣᠬᠠᠨ ᠳᠤ ᠪᠦᠬᠦ ᠣᠷᠣᠨ ᠳᠤ ᠨᠢᠭᠡᠨᠲᠡ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ᠂ ᠭᠠᠮᠰᠢᠭᠳᠠᠭᠰᠠᠨ ᠬᠥᠮᠦᠰ ᠢ ᠠᠪᠤᠷᠠᠨ ᠲᠤᠰᠠᠯᠠᠬᠤ᠂ ᠡᠮ ᠡᠮᠨᠡᠯᠭᠡ ᠪᠠᠷ ᠠᠪᠤᠷᠠᠨ | ᠲᠤᠰᠠᠯᠠᠬᠤ᠂ ᠰᠤᠷᠭᠠᠨ ᠬᠥᠮᠦᠵᠢᠯ ᠢᠶᠠᠷ ᠲᠡᠩᠬᠡᠷᠡᠭᠦᠯᠦᠨ ᠲᠤᠰᠠᠯᠠᠬᠤ᠂ ᠣᠷᠣᠨ ᠰᠠᠭᠤᠴᠠ ᠪᠠᠷ ᠲᠡᠩᠬᠡᠷᠡᠭᠦᠯᠦᠨ ᠲᠤᠰᠠᠯᠠᠬᠤ᠂ ᠠᠵᠢᠯ ᠣᠯᠭᠤᠯᠲᠠ ᠶᠢᠨ ᠠᠪᠤᠷᠠᠨ | ᠲᠤᠰᠠᠯᠠᠬᠤ᠂ ᠲᠦᠷ ᠴᠠᠭ ᠲᠡᠩᠬᠡᠷᠡᠭᠦᠯᠦᠨ ᠲᠤᠰᠠᠯᠠᠬᠤ ᠪᠠ ᠨᠡᠶᠢᠭᠡᠮ ᠤᠨ ᠬᠦᠴᠦᠨ ᠣᠷᠣᠯᠴᠠᠬᠤ ᠪᠠᠷ ᠭᠤᠤᠯ ᠠᠭᠤᠯᠭ᠎ᠠ ᠪᠣᠯᠭᠠᠭᠰᠠᠨ 《 8 + 1 》 ᠨᠡᠶᠢᠭᠡᠮ | ᠤᠨ ᠠᠪᠤᠷᠠᠨ ᠲᠤᠰᠠᠯᠠᠬᠤ ᠰᠢᠰᠲ᠋ᠧᠮᠵᠢ ᠶᠢ ᠪᠠᠶᠢᠭᠤᠯᠵᠤ᠂ ᠠᠪᠤᠷᠠᠨ ᠲᠤᠰᠠᠯᠠᠬᠤ ᠪᠠᠷᠢᠮᠵᠢᠶ᠎ᠠ ᠲᠠᠰᠤᠷᠠᠯᠲᠠ ᠦᠭᠡᠢ ᠳᠡᠭᠡᠭᠰᠢᠯᠡᠨ᠂ ᠰᠢᠨᠵᠢᠯᠡᠬᠦ ᠤᠬᠠᠭᠠᠨᠴᠢᠯᠠᠭᠰᠠᠨ᠂ | ᠵᠢᠷᠤᠮᠵᠢᠭᠤᠯᠤᠭᠰᠠᠨ ᠬᠢᠷᠢ ᠲᠦᠪᠰᠢᠨ ᠡᠳᠦᠷ ᠢᠷᠡᠬᠦᠶ᠎ᠡ ᠳᠡᠭᠡᠭᠰᠢᠯᠡᠵᠦ᠂ ᠤᠯᠠᠮᠵᠢᠯᠠᠯᠲᠤ ᠨᠡᠶᠢᠭᠡᠮ ᠤᠨ ᠠᠪᠤᠷᠠᠨ ᠲᠤᠰᠠᠯᠠᠬᠤ ᠠᠴᠠ ᠣᠳᠣ ᠦᠶ᠎ᠡ ᠶᠢᠨ ᠨᠡᠶᠢᠭᠡᠮ ᠤᠨ | ᠠᠪᠤᠷᠠᠨ ᠲᠤᠰᠠᠯᠠᠬᠤ ᠲᠡᠰᠢ ᠲᠡᠦᠬᠡᠲᠦ ᠴᠢᠨᠠᠷᠲᠠᠶ ᠳᠠᠪᠠᠯᠲᠠ ᠶᠢ ᠪᠡᠶᠡᠯᠡᠭᠦᠯᠪᠡ᠃ | ᠣᠯᠠᠨ ᠵᠢᠯ ᠤᠨ ᠲᠤᠷᠰᠢ᠂ ᠮᠠᠨ ᠤ ᠣᠷᠣᠨ ᠨᠡᠶᠢᠭᠡᠮ ᠤᠨ ᠠᠰᠠᠷᠠᠮᠵᠢ ᠶᠢᠨ ᠬᠥᠭᠵᠢᠯᠲᠡ ᠶᠢ ᠲᠦᠷᠭᠡᠳᠬᠡᠵᠦ᠂ ᠠᠷᠠᠳ ᠲᠦᠮᠡᠨ ᠤ ᠰᠠᠶᠢᠨ ᠰᠠᠢᠬᠠᠨ ᠠᠮᠢᠳᠤᠷᠠᠯ | ᠤᠨ ᠬᠡᠷᠡᠭᠴᠡᠭᠡ ᠶᠢ ᠨᠠᠩ ᠰᠠᠶᠢᠲᠤᠷ ᠬᠠᠩᠭᠠᠪᠠ᠃ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠥᠨᠳᠥᠷ ᠨᠠᠰᠤᠨ ᠤ ᠨᠡᠮᠡᠭᠦᠷᠢ ᠶᠢ ᠪᠦᠬᠦᠨ ᠢ ᠬᠠᠮᠤᠷᠬᠤ ᠶᠢ | ᠪᠡᠶᠡᠯᠡᠭᠦᠯᠵᠦ᠂ 100 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠨᠡᠮᠡᠭᠦᠷᠢ ᠶᠢ ᠬᠥᠮᠦᠨ ᠨᠢᠭᠡᠪᠦᠷᠢ ᠰᠠᠷ᠎ᠠ ᠳᠤ 300 ᠲᠥᠭᠦᠷᠢᠭ ᠪᠠᠶᠢᠭᠰᠠᠨ ᠠᠴᠠ ᠨᠢ 600 | ᠲᠥᠭᠦᠷᠢᠭ ᠪᠣᠯᠭᠠᠨ ᠳᠡᠭᠡᠭᠰᠢᠯᠡᠭᠦᠯᠪᠡ︔ ᠥᠨᠥᠴᠢᠨ ᠵᠡᠮᠳᠡᠭ ᠬᠡᠦᠬᠡᠳ ᠤᠨ ᠦᠨᠳᠦᠰᠦᠨ ᠠᠮᠢᠳᠤᠷᠠᠯ ᠤᠨ ᠰᠤᠪᠢᠯᠠᠯᠲᠠ ᠶᠢᠨ ᠨᠥᠬᠦᠪᠥᠷᠢ ᠶᠢᠨ ᠪᠠᠷᠢᠮᠵᠢᠶ᠎ᠠ ᠶᠢ | ᠳᠡᠭᠡᠭᠰᠢᠯᠡᠭᠦᠯᠬᠦ ᠶᠠᠪᠤᠳᠠᠯ ᠢ ᠠᠷᠠᠳ ᠤᠨ ᠠᠮᠢᠳᠤᠷᠠᠯ ᠤᠨ ᠵᠢᠷᠭᠤᠭᠠᠨ ᠵᠦᠶᠯ ᠤᠨ ᠭᠦᠶᠴᠡᠳᠬᠡᠯ ᠲᠤᠭ᠎ᠠ ᠳᠤ ᠣᠷᠣᠭᠤᠯᠵᠤ᠂ 2010 ᠣᠨ ᠠᠴᠠ ᠨᠠᠭᠠᠰᠢ ᠥᠨᠥᠴᠢᠨ | ᠬᠡᠦᠬᠡᠳ ᠢ ᠲᠥᠪᠯᠡᠷᠡᠭᠦᠯᠦᠨ ᠠᠰᠠᠷᠠᠨ ᠲᠡᠵᠢᠭᠡᠬᠦ ᠪᠠ ᠲᠠᠷᠠᠬᠠᠶ ᠪᠠᠷ ᠠᠰᠠᠷᠠᠨ ᠲᠡᠵᠢᠭᠡᠬᠦ ᠪᠠᠷᠢᠮᠵᠢᠶ᠎ᠠ ᠶᠢ ᠤᠷᠢᠳ ᠬᠤᠵᠢᠳ 6 ᠤᠳᠠᠭ᠎ᠠ ᠳᠡᠭᠡᠭᠰᠢᠯᠡᠭᠦᠯᠪᠡ︔ | ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠪᠣᠯᠤᠨ ᠵᠡᠮᠳᠡᠭ ᠬᠥᠮᠦᠨ ᠢ ᠠᠰᠠᠷᠠᠨ ᠰᠤᠪᠢᠯᠠᠬᠤ ᠨᠥᠬᠦᠪᠥᠷᠢ ᠶᠢᠨ ᠳᠦᠷᠢᠮ ᠢ ᠲᠡᠭᠦᠯᠳᠡᠷᠵᠢᠭᠦᠯᠵᠦ᠂ | ᠵᠢᠯ ᠪᠦᠷᠢ ᠳᠤᠮᠳᠠᠴᠢ ᠪᠠᠷ 50 ᠲᠦᠮᠡ ᠰᠢᠬᠠᠮ ᠬᠦᠴᠢᠷᠳᠡᠯᠲᠡᠶ ᠵᠡᠮᠳᠡᠭᠴᠦᠳ ᠪᠣᠯᠤᠨ ᠵᠡᠮᠳᠡᠭ ᠬᠥᠮᠦᠨ ᠳᠤ ᠠᠰᠢᠭ ᠬᠦᠷᠲᠡᠭᠡᠪᠡ᠃ |