ᠥᠪᠥᠷ ᠵᠠᠰᠠᠭ ᠲᠠᠷᠬᠠᠭᠠᠭᠰᠠᠨ ﹇2019﹈ 12 ᠳ᠋ᠤᠭᠠᠷ ᠲᠤᠭᠠᠳᠤ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠥᠪᠡᠷᠲᠡᠭᠡᠨ ᠵᠠᠰᠠᠬᠤ ᠤᠷᠤᠨ ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠲᠠᠷᠢᠶᠠᠯᠠᠩ ᠮᠠᠯ ᠠᠵᠤ ᠠᠬᠤᠢ ᠶᠢᠨ ᠮᠧᠬᠠᠨᠢᠬᠵᠢᠭᠤᠯᠬᠤ ᠪᠠ ᠲᠠᠷᠢᠶᠠᠯᠠᠩ ᠤᠨ ᠮᠠᠰᠢᠨ ᠤ ᠲᠣᠨᠤᠭ ᠲᠦᠬᠦᠭᠡᠷᠦᠮᠵᠢ ᠶᠢᠨ ᠠᠵᠤ ᠦᠢᠯᠡᠰ ᠤᠨ ᠬᠡᠯᠪᠡᠷᠢ ᠶᠢ ᠨᠢ | ᠬᠤᠪᠢᠷᠠᠭᠤᠯᠤᠨ ᠳᠡᠰ ᠳᠡᠪᠰᠢᠭᠦᠯᠬᠦ ᠶᠢ ᠲᠦᠷᠭᠡᠳᠭᠡᠨ ᠠᠬᠢᠭᠤᠯᠬᠤ ᠲᠣᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠤᠭᠤᠳᠬᠤ ᠰᠠᠨᠠᠯ︾ ︵ᠲᠥᠷᠥ ᠲᠠᠷᠬᠠᠭᠠᠭᠰᠠᠨ | | ﹇2018﹈ 42 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠣ᠂ ᠮᠠᠨ ᠤ ᠣᠷᠤᠨ ᠤ ᠲᠠᠷᠢᠶᠠᠯᠠᠩ ᠮᠠᠯ ᠠᠵᠤ ᠠᠬᠤᠢ ᠶᠢᠨ | ᠮᠧᠬᠠᠨᠢᠬᠵᠢᠭᠤᠯᠬᠤ ᠪᠠ ᠲᠠᠷᠢᠶᠠᠯᠠᠩ ᠤᠨ ᠮᠠᠰᠢᠨ ᠤ ᠲᠣᠨᠤᠭ ᠲᠦᠬᠦᠭᠡᠷᠦᠮᠵᠢ ᠶᠢᠨ ᠠᠵᠤ ᠦᠢᠯᠡᠰ ᠤᠨ ᠬᠡᠯᠪᠡᠷᠢ ᠶᠢ ᠨᠢ ᠬᠤᠪᠢᠷᠠᠭᠤᠯᠤᠨ ᠳᠡᠰ ᠳᠡᠪᠰᠢᠭᠦᠯᠬᠦ ᠶᠢ | ᠲᠦᠷᠭᠡᠳᠭᠡᠨ ᠠᠬᠢᠭᠤᠯᠬᠤ ᠶᠢᠨ ᠲᠤᠰᠠᠲᠠ᠂ ᠥᠪᠡᠷᠲᠡᠭᠡᠨ ᠵᠠᠰᠠᠬᠤ ᠤᠷᠤᠨ ᠤ ᠪᠤᠲᠠᠲᠠᠢ ᠲᠠᠢ ᠤᠶᠠᠯᠳᠤᠭᠤᠯᠤᠨ᠂ ᠡᠳᠦᠭᠡ ᠳᠤᠤᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠬᠦᠭᠵᠢᠯᠲᠡ ᠶᠢᠨ ᠬᠠᠷᠠᠯᠲᠠ | 2020 ᠣᠨ ᠪᠣᠯᠬᠤ ᠳᠤ᠂ ᠬᠤᠳᠠᠯᠳᠤᠭᠠᠴᠢᠨ ᠤᠷᠢᠵᠤ ᠪᠡᠯᠡ ᠣᠷᠤᠭᠤᠯᠬᠤ᠂ ᠰᠢᠩᠭᠡᠭᠡᠨ ᠡᠵᠡᠮᠰᠢᠬᠦ᠂ ᠮᠡᠷᠭᠡᠵᠢᠯ ᠤᠨ ᠰᠢᠨᠡᠴᠢᠯᠡᠯᠲᠡ ᠬᠢᠬᠦ᠂ ᠪᠡᠶ᠎ᠡ ᠪᠠᠨ | ᠳᠠᠭᠠᠭᠠᠨ ᠰᠢᠨ᠎ᠡ ᠶᠢ ᠡᠭᠦᠳᠬᠦ ᠪᠠ ᠠᠵᠤ ᠦᠢᠯᠡᠰ ᠢ ᠪᠦᠭᠡᠮᠨᠡᠷᠡᠭᠦᠯᠬᠦ ᠪᠠᠷ ᠳᠠᠮᠵᠢᠨ᠂ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ | ᠢᠯᠡᠳᠲᠡ ᠳᠡᠭᠡᠭᠰᠢᠯᠡᠭᠦᠯᠦᠨ᠎ᠡ᠃ ᠪᠦᠬᠦ ᠣᠷᠤᠨ ᠤ ᠲᠠᠷᠢᠶᠠᠯᠠᠩ ᠤᠨ ᠮᠠᠰᠢᠨ ᠤ ᠶᠡᠷᠦᠩᠬᠡᠢ ᠬᠦᠳᠡᠯᠭᠡᠬᠦ ᠬᠦᠴᠦᠨ ᠢ 4000 ᠲᠦᠮᠡᠨ ᠺᠢᠯᠤᠸᠠᠲ ᠠᠴᠠ ᠳᠠᠪᠠᠭᠤᠯᠤᠨ᠎ᠠ᠃ | ᠲᠠᠷᠢᠮᠠᠯ ᠤᠨ ᠵᠦᠢᠯ ᠤᠨ ᠲᠠᠷᠢᠵᠤ ᠬᠤᠷᠢᠶᠠᠬᠤ ᠶᠡᠷᠦᠩᠬᠡᠢ ᠮᠧᠬᠠᠨᠢᠬᠵᠢᠭᠤᠯᠤᠯᠲᠠ ᠶᠢᠨ ᠨᠤᠷᠮ᠎ᠠ ᠶᠢ 85% ᠳᠤ ᠬᠦᠷᠦᠬᠦᠯᠵᠦ᠂ ᠭᠤᠣᠯ ᠪᠣᠯᠬᠤ ᠲᠠᠷᠢᠮᠠᠯ ᠤᠨ ᠵᠦᠢᠯ ᠢ | ᠲᠠᠷᠢᠵᠣ ᠦᠢᠯᠡᠳᠪᠦᠷᠢᠯᠡᠬᠦ ᠪᠦᠬᠦ ᠶᠠᠪᠤᠴᠠ ᠶᠢᠨ ᠮᠧᠬᠠᠨᠢᠬᠵᠢᠭᠤᠯᠬᠤ ᠶᠢ ᠦᠨᠳᠦᠰᠦᠨ ᠳᠤ ᠪᠠᠨ ᠪᠡᠶᠡᠯᠡᠭᠦᠯᠣᠨ᠎ᠡ᠃ ᠮᠠᠯ ᠠᠵᠤ ᠠᠬᠤᠢ ᠶᠢᠨ ᠮᠧᠬᠠᠨᠢᠬᠵᠢᠭᠤᠯᠤᠯᠲᠠ ᠶᠢᠨ | ᠨᠤᠷᠮ᠎ᠠ ᠶᠢ 38% ᠣᠷᠴᠢᠮ ᠪᠣᠯᠭᠠᠨ᠎ᠠ᠃ ᠲᠦᠬᠦᠭᠡᠷᠦᠮᠵᠢᠲᠦ ᠲᠠᠷᠢᠶᠠᠯᠠᠩ᠂ ᠤᠰᠤᠨ ᠭᠠᠷᠤᠯᠲᠠ ᠶᠢᠨ ᠦᠷᠡᠵᠢᠭᠦᠯᠦᠯᠲᠡ ᠪᠠ ᠲᠠᠷᠢᠶᠠᠯᠠᠩ ᠤᠨ ᠪᠦᠲᠦᠭᠡᠭᠳᠡᠭᠦᠨ ᠤ | ᠠᠩᠬ᠎ᠠ ᠡᠳ᠋ᠰᠢᠭᠦᠯᠭᠡ ᠶᠢᠨ ᠮᠧᠬᠠᠨᠢᠬᠵᠢᠭᠤᠯᠤᠯᠲᠠ ᠶᠢ ᠢᠯᠡᠳᠲᠡ ᠠᠬᠢᠴᠠ ᠲᠠᠢ ᠪᠤᠯᠭᠠᠨ᠎ᠠ᠃ | 2025 ᠣᠨ ᠪᠤᠯᠬᠤ ᠳᠤ᠂ ᠠᠵᠤ ᠠᠬᠤᠶᠢᠯᠠᠯ ᠤᠨ ᠪᠠᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠢᠯᠡᠷᠬᠡᠢ ᠳᠡᠭᠡᠭᠰᠢᠯᠡᠭᠦᠯᠵᠦ᠂ ᠪᠡᠶ᠎ᠡ ᠪᠠᠨ | ᠳᠠᠭᠠᠭᠠᠭᠰᠠᠨ ᠮᠡᠳᠡᠯᠭᠡ ᠶᠢᠨ ᠦᠮᠴᠢᠯᠡᠯ ᠤᠨ ᠡᠷᠬᠡ ᠲᠠᠢ ᠨᠢᠭᠡ ᠪᠦᠯᠦᠭ ᠨᠢᠳᠤᠷᠭᠠᠨ ᠪᠦᠲᠦᠭᠡᠭᠳᠡᠬᠦᠨ ᠢ ᠪᠦᠷᠢᠯᠳᠦᠭᠦᠯᠦᠨ᠎ᠡ᠃ ᠥᠪᠡᠷᠲᠡᠭᠡᠨ ᠵᠠᠰᠠᠬᠤ ᠤᠷᠤᠨ ᠤ | ᠲᠤᠳᠤᠨ᠎ᠠ ᠭᠠᠳᠠᠨᠠᠬᠢ ᠵᠠᠬ᠎ᠠ ᠳᠡᠯᠭᠡᠭᠦᠷ ᠲᠠᠬᠢ ᠲᠠᠷᠢᠶᠠᠯᠠᠩ ᠮᠠᠯ ᠠᠵᠤ ᠠᠬᠤᠢ ᠶᠢᠨ ᠮᠧᠬᠠᠨᠢᠭ ᠤᠨ ᠡᠵᠡᠯᠡᠬᠦ ᠬᠤᠪᠢ ᠶᠢᠨ ᠲᠤᠭ᠎ᠠ ᠶᠢ ᠵᠢᠯ ᠳᠠᠷᠠᠭᠠᠯᠠᠨ ᠨᠡᠮᠡᠭᠳᠡᠭᠦᠯᠦᠨ᠎ᠡ᠃ | ᠪᠦᠬᠦ ᠤᠷᠤᠨ ᠤ ᠲᠠᠷᠢᠶᠠᠯᠠᠩ ᠤᠨ ᠮᠠᠰᠢᠨ ᠤ ᠶᠡᠷᠦᠩᠬᠡᠢ ᠬᠦᠳᠡᠯᠭᠡᠬᠦ ᠬᠦᠴᠦᠨ ᠢ 5000 ᠲᠦᠮᠡᠨ ᠺᠢᠯᠤᠸᠠᠲ ᠤᠷᠴᠢᠮ ᠳᠤ ᠲᠣᠭᠲᠠᠪᠤᠷᠢᠵᠢᠭᠤᠯᠤᠨ᠎ᠠ᠃ ᠲᠠᠷᠢᠮᠠᠯ ᠤᠨ | ᠵᠦᠢᠯ ᠢ ᠲᠠᠷᠢᠵᠤ ᠬᠤᠷᠢᠶᠠᠬᠤ ᠶᠡᠷᠦᠩᠬᠡᠢ ᠮᠧᠬᠠᠨᠢᠬᠵᠢᠭᠤᠯᠤᠯᠲᠠ ᠶᠢᠨ ᠨᠤᠷᠮ᠎ᠠ ᠶᠢ 88% ᠠᠴᠠ ᠳᠡᠭᠡᠭᠰᠢ ᠳᠤ ᠬᠦᠷᠦᠬᠦᠯᠵᠦ᠂ ᠠᠵᠤ ᠠᠬᠤᠢ ᠶᠢᠨ ᠣᠨᠴᠠᠯᠢᠭᠲᠤ | ᠲᠠᠷᠢᠮᠠᠯ ᠤᠨ ᠲᠠᠷᠢᠵᠤ ᠦᠢᠯᠡᠳᠪᠦᠷᠢᠯᠡᠬᠦ ᠪᠦᠬᠦ ᠶᠠᠪᠤᠴᠠ ᠶᠢᠨ ᠮᠧᠬᠠᠨᠢᠬᠵᠢᠭᠤᠯᠬᠤ ᠶᠢ ᠦᠨᠳᠦᠰᠦᠨ ᠳᠤ ᠪᠠᠨ ᠪᠡᠶᠡᠯᠡᠭᠦᠯᠣᠨ᠎ᠡ᠃ ᠲᠦᠬᠦᠭᠡᠷᠦᠮᠵᠢᠲᠦ ᠲᠠᠷᠢᠶᠠᠯᠠᠩ᠂ ᠮᠠᠯ | ᠲᠡᠵᠢᠭᠡᠪᠦᠷᠢ᠂ ᠤᠰᠤᠨ ᠭᠠᠷᠤᠯᠲᠠ ᠶᠢᠨ ᠦᠷᠡᠵᠢᠭᠦᠯᠦᠯᠲᠡ ᠪᠠ ᠲᠠᠷᠢᠶᠠᠯᠠᠩ ᠤᠨ ᠪᠦᠲᠦᠭᠡᠭᠳᠡᠭᠦᠨ ᠤ ᠠᠩᠬ᠎ᠠ ᠡᠳ᠋ᠰᠢᠭᠦᠯᠭᠡ ᠶᠢᠨ ᠮᠧᠬᠠᠨᠢᠬᠵᠢᠭᠤᠯᠤᠯᠲᠠ ᠶᠢᠨ ᠨᠤᠷᠮ᠎ᠠ ᠶᠢ | ᠶᠡᠷᠦᠩᠬᠡᠢ ᠳᠤ ᠨᠢ 50% ᠣᠷᠴᠢᠮ ᠪᠣᠯᠭᠠᠨ᠎ᠠ᠃ | ᠬᠤᠶᠠᠷ᠂ ᠲᠠᠷᠢᠶᠠᠯᠠᠩ ᠤᠨ ᠮᠠᠰᠢᠨ ᠤ ᠲᠣᠨᠤᠭ ᠲᠦᠬᠦᠭᠡᠷᠦᠮᠵᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠦᠭᠵᠢᠯᠲᠡ ᠶᠢ ᠲᠦᠷᠭᠡᠳᠭᠡᠨ ᠠᠬᠢᠭᠤᠯᠤᠨ᠎ᠠ | ︵ᠨᠢᠭᠡ︶ ᠲᠠᠷᠢᠶᠠᠯᠠᠩ ᠤᠨ ᠮᠠᠰᠢᠨ ᠤ ᠠᠵᠤ ᠦᠢᠯᠡᠰ ᠤᠨ ᠬᠡᠯᠪᠡᠷᠢ ᠶᠢ ᠨᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠤᠨ᠎ᠠ᠃ ᠪᠡᠶ᠎ᠡ ᠪᠠᠨ ᠳᠠᠭᠠᠭᠠᠵᠤ | ᠨᠡᠭᠡᠭᠡᠨ ᠬᠦᠭᠵᠢᠭᠦᠯᠬᠦ ᠶᠢ ᠣᠷᠤᠭᠤᠯᠬᠤ᠂ ᠡᠵᠡᠮᠰᠢᠬᠦ᠂ ᠰᠢᠩᠭᠡᠭᠡᠬᠦ ᠯᠦᠭᠡ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠠᠵᠤ ᠠᠬᠤᠶᠢᠯᠠᠯ ᠢᠶᠠᠷ ᠭᠤᠣᠯ ᠴᠤᠭᠴᠠ | ᠪᠣᠯᠭᠠᠭᠰᠠᠨ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠤᠯᠭᠠᠭᠰᠠᠨ᠂ ᠦᠢᠯᠡᠳᠪᠦᠷᠢᠯᠡᠬᠦ ᠵᠢᠭᠠᠬᠤ ᠰᠤᠳᠤᠯᠬᠤ ᠶᠢ ᠬᠠᠷᠢᠯᠴᠠᠨ ᠤᠶᠠᠯᠳᠤᠭᠤᠯᠤᠭᠰᠠᠨ ᠲᠠᠷᠢᠶᠠᠯᠠᠩ ᠤᠨ | ᠮᠠᠰᠢᠨ ᠤ ᠠᠵᠤ ᠦᠢᠯᠡᠰ ᠤᠨ ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠲᠠᠷᠢᠶᠠᠯᠠᠩ ᠤᠨ ᠮᠠᠰᠢᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠠᠵᠤ ᠦᠢᠯᠡᠰᠴᠢᠯᠡᠯᠲᠡ ᠶᠢ ᠲᠦᠷᠭᠡᠳᠭᠡᠨ ᠪᠡᠶᠡᠯᠡᠭᠦᠯᠦᠨ᠎ᠡ᠃ ᠠᠵᠤ ᠠᠬᠤᠶᠢᠯᠠᠯ ᠤᠨ ᠮᠡᠷᠭᠡᠵᠢᠯ ᠤᠨ ᠰᠢᠨᠡᠴᠢᠯᠡᠯᠲᠡ ᠶᠢ | ᠴᠢᠩᠭᠠᠳᠬᠠᠵᠤ᠂ ᠰᠤᠳᠤᠯᠤᠨ ᠨᠡᠭᠡᠭᠡᠬᠦ ᠪᠠ ᠦᠢᠯᠡᠳᠪᠦᠷᠢᠯᠡᠬᠦ ᠨᠦᠬᠦᠴᠡᠯ ᠢ ᠳᠡᠭᠡᠭᠰᠢᠯᠡᠭᠦᠯᠦᠨ᠂ ᠦᠢᠯᠡᠳᠬᠦ ᠭᠠᠷ ᠤᠷᠠᠯᠠᠯ ᠵᠢᠴᠢ ᠴᠡᠷᠳᠡᠵᠦ ᠴᠢᠮᠡᠭᠯᠡᠬᠦ ᠬᠢᠷᠢ | ᠲᠥᠪᠰᠢᠨ ᠢ ᠳᠡᠭᠡᠭᠰᠢᠯᠡᠭᠦᠯᠵᠦ᠂ ᠲᠠᠷᠢᠶᠠᠯᠠᠩ ᠤᠨ ᠮᠠᠰᠢᠨ ᠤ ᠲᠤᠨᠤᠭ ᠲᠦᠬᠦᠭᠡᠷᠦᠮᠵᠢ ᠶᠢᠨ ᠲᠣᠭᠠᠴᠠᠯᠠᠬᠤ ᠪᠠ ᠣᠶᠤᠨᠴᠢᠯᠠᠬᠤ ᠬᠦᠭᠵᠢᠯᠲᠡ ᠶᠢ ᠠᠬᠢᠭᠤᠯᠤᠨ᠎ᠠ᠃ ᠠᠵᠤ | ᠠᠬᠤᠶᠢᠯᠠᠯ ᠤᠨ ᠬᠢᠨ ᠤ ᠪᠤᠳᠠᠰᠯᠢᠭ ᠬᠤᠯᠪᠤᠭᠠᠲᠤ ᠰᠦᠯᠵᠢᠶ᠎ᠡ᠂ ᠲᠤᠮᠤ ᠳ᠋ᠠᠶᠢᠲ᠋ᠠ ᠵᠡᠷᠭᠡ ᠮᠡᠳᠡᠭᠡ ᠵᠠᠩᠭᠢ ᠶᠢᠨ ᠮᠡᠷᠭᠡᠵᠢᠯ ᠬᠡᠷᠡᠭᠯᠡᠬᠦ ᠶᠢ ᠵᠣᠷᠢᠬᠵᠢᠭᠤᠯᠵᠤ᠂ ᠠᠯᠤᠰ | ᠡᠵᠡᠮᠰᠢᠯ ᠢᠶᠠᠷ ᠳᠦᠷᠪᠡᠯᠲᠡ ᠶᠢ ᠣᠨᠤᠭᠠᠬᠤ᠂ ᠰᠦᠯᠵᠢᠶ᠎ᠡ ᠪᠠᠷ ᠠᠰᠠᠭᠤᠨ ᠯᠠᠪᠯᠠᠬᠤ᠂ ᠪᠣᠯᠪᠠᠰᠤᠷᠠᠭᠤᠯᠬᠤ᠂ ᠡᠯᠧᠺᠲᠷᠤᠨ ᠬᠤᠳᠠᠯᠳᠤᠭᠠᠨ ᠤ ᠶᠠᠪᠤᠳᠠᠯ ᠵᠡᠷᠭᠡ ᠶᠢ | ᠦᠷᠨᠢᠭᠦᠯᠵᠦ᠂ ᠲᠠᠷᠢᠶᠠᠯᠠᠩ ᠤᠨ ᠮᠠᠰᠢᠨ ᠤ ᠠᠵᠤ ᠠᠬᠤᠶᠢᠯᠠᠯ ᠤᠨ ᠦᠢᠯᠡᠳᠪᠦᠷᠢᠯᠡᠬᠦ ᠬᠡᠯᠪᠡᠷᠢ ᠶᠢᠨ ᠦᠢᠯᠡᠳᠬᠦ ᠦᠢᠯᠡᠰ ᠠᠴᠠ ᠦᠢᠯᠡᠴᠢᠯᠡᠬᠦ ᠬᠡᠯᠪᠡᠷᠢ ᠶᠢᠨ ᠦᠢᠯᠡᠳᠬᠦ | ᠦᠢᠯᠡᠰ ᠲᠡᠶᠢᠰᠢ ᠬᠤᠪᠢᠷᠠᠬᠤ ᠶᠢ ᠠᠬᠢᠭᠤᠯᠤᠨ᠎ᠠ᠃ ︵ᠦᠪᠡᠷᠲᠡᠭᠡᠨ ᠵᠠᠰᠠᠬᠤ ᠤᠷᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ | ᠮᠠᠯᠵᠢᠬᠤ ᠣᠷᠣᠨ ᠤ ᠲᠢᠩᠬᠢᠮ ᠵᠡᠷᠭᠡ ᠬᠠᠷᠢᠭᠤᠴᠠᠨ᠎ᠠ᠃ ᠲᠡᠷᠢᠭᠦᠨ ᠳᠤ ᠵᠢᠭᠰᠠᠭᠠᠵᠤ ᠪᠠᠶᠢᠭ᠎ᠠ ᠨᠢ ᠲᠦᠷᠦᠭᠦᠯᠡᠨ ᠬᠢᠬᠦ ᠨᠢᠭᠡᠴᠢ ᠪᠤᠯᠤᠨ᠎ᠠ᠂ ᠳᠤᠷᠤᠭᠰᠢ ᠠᠳᠠᠯᠢ︶ | ︵ᠬᠤᠶᠠᠷ︶ ᠲᠠᠷᠢᠶᠠᠯᠠᠩ ᠤᠨ ᠮᠠᠰᠢᠨ ᠤ ᠲᠤᠨᠤᠭ ᠲᠦᠬᠦᠭᠡᠷᠦᠮᠵᠢ ᠶᠢᠨ ᠠᠵᠤ ᠦᠢᠯᠡᠰ ᠤᠨ ᠪᠦᠲᠦᠴᠡ ᠶᠢᠨ ᠪᠠᠶᠢᠷᠢᠰᠢᠯᠠᠭᠤᠯᠤᠯᠲᠠ ᠶᠢ ᠰᠢᠯᠢᠳᠡᠭᠵᠢᠭᠦᠯᠦᠨ᠎ᠡ᠃ | ᠤᠷᠤᠨ ᠤ ᠭᠠᠳᠠᠨᠠᠬᠢ ᠲᠠᠷᠢᠶᠠᠯᠠᠩ ᠤᠨ ᠮᠠᠰᠢᠨ ᠦᠢᠯᠡᠳᠬᠦ ᠠᠵᠤ ᠠᠬᠤᠶᠢᠯᠠᠯ ᠢ ᠲᠠᠲᠠᠨ ᠣᠷᠤᠭᠤᠯᠵᠤ ᠥᠪᠡᠷᠲᠡᠭᠡᠨ ᠵᠠᠰᠠᠬᠤ ᠤᠷᠤᠨ ᠳᠡᠶᠢᠰᠢ ᠴᠤᠭᠯᠠᠷᠠᠭᠤᠯᠤᠨ᠂ | ᠮᠠᠨ ᠤ ᠤᠷᠤᠨ ᠤ ᠲᠠᠷᠢᠶᠠᠯᠠᠩ ᠤᠨ ᠮᠠᠰᠢᠨ ᠤ ᠲᠤᠨᠤᠭ ᠲᠦᠬᠦᠭᠡᠷᠦᠮᠵᠢ ᠶᠢᠨ ᠠᠵᠤ ᠦᠢᠯᠡᠰ ᠤᠨ ᠬᠡᠪᠴᠢᠶ᠎ᠡ ᠶᠢ ᠦᠷᠭᠡᠳᠭᠡᠨ᠎ᠡ᠃ ᠮᠠᠯᠵᠢᠬᠤ ᠲᠠᠷᠢᠶᠠᠯᠠᠬᠤ ᠤᠷᠤᠨ ᠤ | ᠭᠡᠷ ᠪᠦᠯᠢ ᠶᠢᠨ ᠦᠢᠯᠡᠳᠪᠦᠷᠢᠯᠡᠨ ᠡᠵᠡᠩᠨᠡᠬᠦ ᠬᠡᠷᠡᠭᠴᠡᠭᠡ ᠳᠤ ᠲᠣᠬᠢᠷᠠᠭᠰᠠᠨ ᠳᠤᠮᠳᠠ ᠵᠢᠵᠢᠭ ᠬᠡᠯᠪᠡᠷᠢ ᠶᠢᠨ ᠪᠠ ᠬᠦᠩᠭᠡᠨ ᠳᠦᠭᠦᠮᠴᠢᠯᠡᠭᠰᠡᠨ ᠲᠠᠷᠢᠶᠠᠯᠠᠩ ᠤᠨ ᠮᠠᠰᠢᠨ ᠢ | ᠬᠦᠭᠵᠢᠭᠦᠯᠬᠦ ᠶᠢ ᠳᠡᠮᠵᠢᠵᠦ᠂ ᠮᠠᠨ ᠤ ᠤᠷᠤᠨ ᠤ ᠠᠳᠠᠯᠢ ᠪᠤᠰᠤ ᠭᠠᠵᠠᠷ ᠤᠷᠤᠨ ᠤ ᠠᠵᠤ ᠠᠬᠤᠢ ᠶᠢᠨ ᠬᠢᠷᠢ ᠲᠥᠪᠰᠢᠨ ᠳᠤ ᠲᠤᠬᠢᠷᠠᠭᠰᠠᠨ ᠳᠡᠭᠡᠳᠦ ᠳᠤᠮᠳᠠ ᠳᠤᠤᠷ᠎ᠠ | ᠦᠵᠦᠭᠦᠷ ᠤᠨ ᠦᠢᠯᠡᠳᠭᠦᠨ ᠤ ᠬᠠᠮᠲᠤ ᠪᠠᠷ ᠬᠦᠭᠵᠢᠬᠦ ᠪᠠᠶᠢᠷᠢᠰᠢᠯ ᠢ ᠪᠣᠢ ᠪᠣᠯᠭᠠᠨ᠎ᠠ᠃ ᠬᠠᠮ ᠳᠠᠪᠠᠭᠤᠯᠢᠭ ᠢᠶᠠᠷ ᠳᠤᠪᠤᠶᠢᠭᠰᠠᠨ ᠦᠷᠢᠰᠦᠯᠳᠦᠭᠡᠨ ᠤ ᠬᠦᠴᠦᠨ ᠢᠶᠠᠷ | ᠨᠡᠯᠢᠶᠡᠳ ᠴᠢᠩᠭ᠎ᠠ ᠪᠣᠯᠬᠤ ᠲᠠᠷᠢᠶᠠᠯᠠᠩ ᠤᠨ ᠮᠠᠰᠢᠨ ᠤ ᠠᠵᠤ ᠦᠢᠯᠡᠰ ᠤᠨ ᠲᠥᠪᠯᠡᠷᠡᠭᠰᠡᠨ ᠤᠷᠤᠨ ᠢ ᠪᠣᠢ ᠪᠣᠯᠭᠠᠨ᠎ᠠ᠃ ︵ᠥᠪᠡᠷᠲᠡᠭᠡᠨ ᠵᠠᠰᠠᠬᠤ ᠤᠷᠤᠨ ᠤ ᠠᠵᠤ | ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠵᠡᠷᠭᠡ ᠬᠠᠷᠢᠭᠤᠴᠠᠨ᠎ᠠ | ︶ | ︵ᠭᠤᠷᠪᠠ︶ ᠲᠠᠷᠢᠶᠠᠯᠠᠩ ᠤᠨ ᠮᠠᠰᠢᠨ ᠤ ᠲᠤᠨᠤᠭ ᠲᠦᠬᠦᠭᠡᠷᠦᠮᠵᠢ ᠶᠢᠨ ᠶᠠᠰᠤ ᠴᠢᠨᠠᠷ ᠤᠨ ᠨᠠᠶᠢᠳᠠᠪᠤᠷᠢᠳᠦ ᠴᠢᠨᠠᠷ ᠤᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠎ᠠ᠃ ᠪᠤᠬᠢᠷᠳᠦᠯ ᠦᠭᠡᠢ ᠪᠦᠭᠡᠳ ᠦᠨᠳᠦᠷ ᠪᠦᠲᠦᠮᠵᠢᠲᠡᠢ ᠲᠠᠷᠢᠶᠠᠯᠠᠩ ᠤᠨ ᠮᠠᠰᠢᠨᠴᠢᠯᠠᠬᠤ ᠪᠠᠷᠢᠮᠵᠢᠶ᠎ᠠ ᠶᠢ ᠲᠤᠭᠲᠠᠭᠠᠬᠤ ᠪᠠ ᠲᠠᠷᠢᠶᠠᠯᠠᠩ ᠤᠨ ᠮᠠᠰᠢᠨ ᠤ | ᠲᠤᠨᠤᠭ ᠲᠦᠬᠦᠭᠡᠷᠦᠮᠵᠢ ᠶᠢᠨ ᠠᠵᠤ ᠦᠢᠯᠡᠰ ᠤᠨ ᠬᠡᠮᠵᠢᠨ ᠰᠢᠯᠭᠠᠬᠤ ᠮᠡᠷᠭᠡᠵᠢᠯ ᠤᠨ ᠰᠤᠳᠤᠯᠭᠠᠨ ᠢ ᠲᠦᠷᠭᠡᠳᠭᠡᠵᠦ᠂ ᠲᠠᠷᠢᠶᠠᠯᠠᠩ ᠤᠨ ᠮᠠᠰᠢᠨ ᠤ ᠲᠤᠨᠤᠭ | ᠲᠦᠬᠦᠭᠡᠷᠦᠮᠵᠢ ᠶᠢᠨ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠲᠤᠷᠰᠢᠨ ᠰᠢᠯᠭᠠᠬᠤ ᠪᠠ ᠬᠢᠨᠠᠨ | ᠲᠤᠭᠲᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠮᠠᠰᠢᠨ ᠤ ᠦᠢᠯᠡᠳᠭᠦᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠵᠤ | ᠠᠬᠤᠶᠢᠯᠠᠯ ᠤᠨ ᠶᠠᠰᠤ ᠴᠢᠨᠠᠷ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠤᠲᠠᠲᠠᠶᠢᠵᠢᠭᠤᠯᠣᠨ᠂ ᠭᠤᠣᠯᠳᠠᠯᠭ᠎ᠠ ᠲᠠᠢ ᠦᠢᠯᠡᠳᠭᠦᠨ ᠤ ᠠᠵᠢᠯ | ᠲᠦᠷᠦᠯ ᠤᠨ ᠬᠢᠨ ᠢ ᠵᠢᠷᠤᠮᠵᠢᠭᠤᠯᠤᠨ ᠬᠠᠮᠢᠶᠠᠷᠬᠤ ᠶᠢ ᠴᠢᠩᠭᠠᠳᠬᠠᠨ᠎ᠠ᠃ ᠦᠨᠡᠨᠴᠢ ᠢᠲᠡᠭᠡᠮᠵᠢᠲᠡᠢ ᠪᠡᠶ᠎ᠡ ᠪᠠᠨ ᠱᠠᠭᠠᠷᠳᠠᠬᠤ ᠪᠠ ᠶᠠᠰᠤ ᠴᠢᠨᠠᠷ ᠢ ᠳᠡᠭᠡᠭᠰᠢᠯᠡᠭᠦᠯᠬᠦ | ᠠᠵᠢᠯᠯᠠᠭ᠎ᠠ ᠶᠢ ᠶᠡᠭᠡ ᠪᠠᠷ ᠦᠷᠨᠢᠭᠦᠯᠵᠦ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠨ᠂ ᠶᠠᠰᠤ ᠴᠢᠨᠠᠷ ᠤᠨ ᠲᠠᠯ᠎ᠠ ᠳᠤ ᠬᠠᠤᠯᠢ ᠠᠴᠠ | ᠵᠦᠷᠢᠴᠡᠬᠦ ᠪᠠ ᠬᠤᠳᠠᠯ ᠬᠠᠭᠤᠷᠮᠠᠭ ᠨᠡᠷᠡᠲᠦ ᠲᠦᠷᠦᠯ ᠲᠡᠮᠳᠡᠭᠲᠦ ᠦᠢᠯᠡᠳᠬᠦ ᠠᠵᠢᠯᠯᠠᠭ᠎ᠠ ᠳᠤ ᠴᠢᠩᠭ᠎ᠠ ᠴᠤᠬᠢᠯᠲᠠ ᠦᠭᠴᠦ᠂ ᠲᠦᠷᠦᠯ ᠵᠦᠢᠯ ᠢ ᠨᠡᠮᠡᠭᠳᠡᠬᠦᠯᠬᠦ᠂ ᠶᠠᠰᠤ | ᠴᠢᠨᠠᠷ ᠢ ᠳᠡᠭᠡᠭᠰᠢᠯᠡᠭᠦᠯᠬᠦ᠂ ᠨᠡᠷᠡᠲᠦ ᠲᠦᠷᠦᠯ ᠲᠡᠮᠳᠡᠭᠲᠦ ᠶᠢ ᠡᠭᠦᠳᠬᠦ ︽ᠡᠨᠡᠬᠦ ᠭᠤᠷᠪᠠ︾ ᠶᠢᠨ ᠲᠤᠰᠬᠠᠢ ᠠᠵᠢᠯᠯᠠᠭ᠎ᠠ ᠶᠢ ᠦᠷᠨᠢᠭᠦᠯᠦᠨ᠎ᠡ᠃ ︵ᠦᠪᠡᠷᠲᠡᠭᠡᠨ ᠵᠠᠰᠠᠬᠤ | ᠤᠷᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠬᠥᠭᠵᠢᠭᠦᠯᠦᠯᠲᠡ ᠪᠠ | ᠦᠭᠡᠷᠡᠴᠢᠯᠡᠯᠲᠡ ᠶᠢᠨ ᠵᠦᠪᠯᠡᠯ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠵᠡᠷᠭᠡ ᠬᠠᠷᠢᠭᠤᠴᠠᠨ᠎ᠠ︶ | ᠭᠤᠷᠪᠠ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠦᠬᠦ ᠶᠠᠪᠤᠴᠠ ᠶᠢᠨ ᠮᠧᠬᠠᠨᠢᠬᠵᠢᠭᠤᠯᠤᠯᠲᠠ ᠶᠢ ᠶᠡᠭᠡ ᠪᠠᠷ ᠠᠬᠢᠭᠤᠯᠤᠨ᠎ᠠ | ︵ᠨᠢᠭᠡ︶ ᠲᠠᠷᠢᠮᠠᠯ ᠤᠨ ᠵᠦᠢᠯ ᠤᠨ ᠦᠢᠯᠡᠳᠪᠦᠷᠢᠯᠡᠯ ᠤᠨ ᠪᠦᠬᠦ ᠶᠠᠪᠤᠴᠠ ᠶᠢ ᠮᠧᠬᠠᠨᠢᠬᠵᠢᠭᠤᠯᠬᠤ ᠶᠢᠨ ᠲᠤᠲᠠᠭᠤᠳᠠᠯ ᠲᠠᠯ᠎ᠠ ᠪᠠᠨ ᠲᠦᠷᠭᠡᠳᠭᠡᠨ | ᠨᠦᠬᠦᠪᠦᠷᠢᠯᠡᠨ᠎ᠡ᠃ ᠦᠨᠳᠦᠷ ᠪᠦᠲᠦᠮᠵᠢᠲᠡᠢ ᠪᠠᠷ ᠤᠷᠭᠤᠮᠠᠯ ᠢ ᠬᠠᠮᠠᠭᠠᠯᠠᠬᠤ᠂ ᠡᠷᠳᠡᠨᠢ ᠰᠢᠰᠢ ᠶᠢ ᠮᠦᠯᠢᠵᠦ ᠬᠤᠷᠢᠶᠠᠬᠤ᠂ ᠲᠠᠷᠢᠵᠦ ᠦᠢᠯᠡᠳᠪᠦᠷᠢᠯᠡᠭᠰᠡᠨ | ᠭᠠᠵᠠᠷ ᠲᠤ ᠨᠢ ᠬᠠᠭᠰᠠᠭᠠᠨ ᠬᠠᠲᠠᠭᠠᠬᠤ᠂ ᠤᠰᠤᠨ ᠳᠣᠲᠤᠷᠭ᠎ᠠ ᠶᠢᠨ ᠴᠢᠬᠢ ᠶᠢ ᠪᠠᠷᠢᠮᠵᠢᠶᠠᠵᠢᠭᠤᠯᠤᠨ ᠪᠤᠶᠢᠵᠢᠭᠤᠯᠬᠤ ᠪᠠ ᠦᠨᠳᠦᠷ ᠪᠦᠲᠦᠮᠵᠢᠲᠡᠢ ᠪᠠᠷ ᠰᠠᠭᠤᠯᠭᠠᠬᠤ᠂ | ᠲᠦᠮᠦᠰᠦ ᠶᠢ ᠬᠠᠮᠲᠤᠷᠠᠭᠤᠯᠵᠤ ᠬᠤᠷᠢᠶᠠᠬᠤ ᠪᠠ ᠬᠡᠰᠡᠭᠯᠡᠨ ᠬᠤᠷᠢᠶᠠᠬᠤ ᠵᠡᠷᠭᠡ ᠮᠧᠬᠠᠨᠢᠬᠵᠢᠭᠤᠯᠤᠭᠰᠠᠨ ᠦᠢᠯᠡᠳᠪᠦᠷᠢᠯᠡᠯ ᠤᠨ ᠪᠠᠭᠤᠷᠠᠢ ᠭᠤᠭᠴᠣᠭᠠᠨ ᠳᠤ | ᠠᠩᠬᠠᠷᠤᠯ ᠢᠶᠠᠨ ᠲᠦᠪᠯᠡᠷᠡᠭᠦᠯᠵᠦ᠂ ᠭᠤᠣᠯ ᠪᠣᠯᠬᠤ ᠲᠠᠷᠢᠮᠠᠯ ᠤᠨ ᠵᠦᠢᠯ ᠢ ᠲᠠᠷᠢᠵᠤ ᠦᠢᠯᠡᠳᠪᠦᠷᠢᠯᠡᠬᠦ ᠪᠦᠬᠦ ᠶᠠᠪᠤᠴᠠ ᠶᠢᠨ ᠮᠧᠬᠠᠨᠢᠬᠵᠢᠭᠤᠯᠤᠯᠳᠠ ᠶᠢ ᠠᠬᠢᠭᠤᠯᠤᠨ᠎ᠠ᠃ | ᠨᠠᠷᠠᠨ ᠬᠤᠸᠠᠷ᠂ ᠰᠢᠬᠢᠷ ᠯᠤᠤᠪᠠᠩ᠂ ᠡᠮ ᠤᠨ ᠮᠠᠲ᠋ᠧᠷᠢᠶᠠᠯ ᠵᠡᠷᠭᠡ ᠣᠨᠴᠠᠯᠢᠭᠲᠤ ᠠᠵᠤ ᠠᠬᠤᠢ ᠶᠢᠨ ᠲᠠᠷᠢᠮᠠᠯ ᠵᠢᠴᠢ ᠬᠤᠯᠢᠮᠠᠭ ᠠᠮᠤ ᠬᠤᠯᠢᠮᠠᠭ ᠪᠤᠷᠴᠠᠭ ᠤᠨ | ᠮᠧᠬᠠᠨᠢᠬᠵᠢᠭᠤᠯᠤᠭᠰᠠᠨ ᠬᠤᠷᠢᠶᠠᠯᠲᠠ ᠶᠢᠨ ᠲᠤᠲᠠᠭᠤᠳᠠᠯ ᠢ ᠲᠦᠷᠭᠡᠳᠭᠡᠨ ᠨᠦᠬᠦᠪᠦᠷᠢᠯᠡᠵᠦ᠂ ᠠᠵᠤ ᠠᠬᠤᠢ ᠶᠢᠨ ᠲᠠᠷᠢᠮᠠᠯ ᠤᠨ ᠲᠠᠷᠢᠵᠦ ᠦᠢᠯᠡᠳᠪᠦᠷᠢᠯᠡᠬᠦ ᠪᠦᠬᠦ | ᠶᠠᠪᠤᠴᠠ ᠶᠢᠨ ᠮᠧᠬᠠᠨᠢᠬᠵᠢᠭᠤᠯᠤᠯᠳᠠ ᠶᠢ ᠠᠬᠢᠭᠤᠯᠤᠨ᠎ᠠ᠃ ᠪᠠᠭ᠎ᠠ ᠬᠡᠮᠵᠢᠶ᠎ᠡ ᠪᠠᠷ ᠲᠠᠷᠢᠵᠤ ᠤᠰᠤᠯᠠᠬᠤ᠂ ᠨᠡᠭᠦᠷᠡᠰᠦᠳᠦ᠋ᠷᠦᠭᠴᠢ ᠶᠢᠨ ᠳᠠᠪᠬᠤᠷ ᠢᠰᠤᠯ ᠢ ᠨᠡᠮᠡᠭᠳᠡᠭᠦᠯᠬᠦ᠂ | ᠳᠤᠯᠠᠭᠠᠨ ᠤ ᠬᠡᠮᠵᠢᠶ᠎ᠡ ᠶᠢ ᠤᠶᠤᠨᠴᠢ ᠪᠠᠷ ᠡᠵᠡᠮᠳᠡᠬᠦ᠂ ᠦᠷ᠎ᠡ ᠵᠢᠮᠢᠰ ᠢ ᠲᠡᠭᠦᠵᠦ ᠬᠤᠷᠢᠶᠠᠬᠤ᠂ ᠬᠦᠢᠲᠡᠨ ᠢᠶᠠᠷ ᠬᠠᠳᠠᠭᠠᠯᠠᠵᠣ ᠵᠦᠭᠡᠭᠡᠪᠦᠷᠢᠯᠡᠬᠦ ᠵᠡᠷᠭᠡ | ᠮᠧᠬᠠᠨᠢᠬᠵᠢᠭᠤᠯᠤᠭᠰᠠᠨ ᠮᠡᠷᠭᠡᠵᠢᠯ ᠢ ᠳᠡᠯᠭᠡᠷᠡᠭᠦᠯᠵᠦ᠂ ᠲᠦᠬᠦᠭᠡᠷᠦᠮᠵᠢᠲᠦ ᠲᠠᠷᠢᠶᠠᠯᠠᠩ ᠤᠨ ᠮᠧᠬᠠᠨᠢᠬᠵᠢᠭᠤᠯᠤᠯᠳᠠ ᠶᠢ ᠠᠬᠢᠭᠤᠯᠤᠨ᠎ᠠ᠃ ᠰᠢᠨ᠎ᠡ ᠬᠡᠯᠪᠡᠷᠢ ᠶᠢᠨ | ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠤᠭᠴᠠ ᠶᠢᠨ ᠭᠦᠨ ᠬᠠᠭᠠᠯᠪᠤᠷᠢᠯᠠᠵᠤ ᠭᠦᠨᠴᠡᠯᠡᠨ ᠰᠤᠯᠠᠷᠠᠭᠤᠯᠬᠤ ᠪᠠ ᠮᠠᠰᠢᠨ ᠢᠶᠠᠷ ᠲᠠᠷᠢᠵᠤ ᠬᠤᠷᠢᠶᠠᠬᠤ ᠵᠡᠷᠭᠡ | ᠦᠢᠯᠡᠳᠪᠦᠷᠢᠯᠡᠯ ᠤᠨ ᠦᠢᠯᠡᠴᠢᠯᠡᠭᠡᠨ ᠢ ᠦᠷᠨᠢᠭᠦᠯᠬᠦ ᠳᠤ ᠬᠦᠴᠦᠲᠡᠢ ᠳᠡᠮᠵᠢᠯᠭᠡ ᠥᠭᠴᠦ᠂ ᠲᠠᠷᠢᠮᠠᠯ ᠤᠨ ᠲᠠᠷᠢᠵᠤ ᠦᠢᠯᠡᠳᠪᠦᠷᠢᠯᠡᠬᠦ ᠪᠦᠬᠦ ᠶᠠᠪᠤᠴᠠ ᠶᠢᠨ | ᠮᠧᠬᠠᠨᠢᠬᠵᠢᠭᠤᠯᠤᠯᠲᠠ ᠶᠢ ᠠᠬᠢᠭᠤᠯᠤᠨ᠎ᠠ᠃ ︵ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ | ᠲᠢᠩᠬᠢᠮ᠂ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ ᠵᠡᠷᠭᠡ ᠬᠠᠷᠢᠭᠤᠴᠠᠨ᠎ᠠ︶ | ︵ᠬᠤᠶᠠᠷ︶ ᠮᠠᠯ ᠠᠵᠤ ᠠᠬᠤᠢ ᠶᠢᠨ ᠮᠧᠬᠠᠨᠢᠬᠵᠢᠭᠤᠯᠤᠯᠲᠠ ᠶᠢ ᠶᠡᠭᠡ ᠪᠠᠷ ᠬᠦᠭᠵᠢᠭᠦᠯᠦᠨ᠎ᠡ᠃ ᠴᠢᠨᠠᠷ ᠰᠠᠶᠢᠲᠠᠢ ᠲᠡᠵᠢᠭᠡᠯ ᠡᠪᠡᠰᠦ ᠲᠠᠷᠢᠬᠤ᠂ ᠬᠤᠷᠢᠶᠠᠨ | ᠬᠠᠳᠤᠵᠤ ᠪᠣᠭᠤᠳᠠᠯᠯᠠᠬᠤ ᠶᠢ ᠨᠢᠭᠡ ᠴᠤᠭᠴᠠᠵᠢᠭᠤᠯᠬᠤ᠂ ᠪᠣᠭᠤᠳᠠᠯᠯᠠᠵᠤ ᠪᠠᠭᠯᠠᠬᠤ ᠶᠢ ᠨᠢᠭᠡ ᠴᠤᠭᠴᠠᠵᠢᠭᠤᠯᠬᠤ᠂ ᠡᠰᠢ ᠰᠦᠷᠡᠯ ᠢ ᠳᠡᠵᠢᠭᠡᠯ ᠪᠤᠷᠳᠤᠭ᠎ᠠ ᠪᠣᠯᠭᠠᠬᠤ | ᠵᠡᠷᠭᠡ ᠰᠢᠷᠢᠰ ᠮᠡᠷᠭᠡᠵᠢᠯ ᠢ ᠭᠤᠣᠯᠳᠠᠯᠭ᠎ᠠ ᠲᠠᠢ ᠳᠡᠯᠭᠡᠷᠡᠭᠦᠯᠵᠦ᠂ ᠡᠪᠡᠰᠦᠨ ᠤ ᠦᠢᠯᠡᠰ ᠤᠨ ᠳᠡᠭᠡᠳᠦ ᠦᠵᠦᠭᠦᠷ ᠤᠨ ᠦᠢᠯᠡᠳᠪᠦᠷᠢᠯᠡᠯ ᠤᠨ ᠪᠦᠬᠦ ᠶᠠᠪᠤᠴᠠ ᠶᠢᠨ | ᠮᠧᠬᠠᠨᠢᠬᠵᠢᠭᠤᠯᠤᠯᠲᠠ ᠶᠢ ᠠᠬᠢᠭᠤᠯᠤᠨ᠎ᠠ᠃ ᠮᠠᠯ ᠲᠡᠵᠢᠭᠡᠪᠦᠷᠢ ᠶᠢᠨ ᠮᠧᠬᠠᠨᠢᠬᠵᠢᠭᠤᠯᠤᠯᠲᠠ ᠶᠢᠨ ᠲᠤᠲᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠡᠵᠢᠭᠡᠯ | ᠪᠤᠷᠳᠤᠭ᠎ᠠ ᠦᠢᠯᠡᠳᠴᠦ ᠪᠡᠯᠡᠳᠭᠡᠬᠦ᠂ ᠲᠡᠵᠢᠭᠡᠨ ᠠᠷᠠᠴᠢᠯᠠᠬᠤ᠂ ᠤᠰᠤᠯᠠᠬᠤ᠂ ᠨᠤᠤᠰᠤ ᠬᠠᠶᠢᠴᠢᠯᠠᠬᠤ᠂ ᠡᠮᠲᠦ ᠤᠬᠢᠶᠠᠯ ᠬᠢᠬᠦ᠂ ᠰᠢᠭᠢᠭ ᠰᠠᠩᠭᠠᠰᠤ ᠶᠢ ᠰᠢᠢᠳᠪᠦᠷᠢᠯᠡᠬᠦ | ᠵᠢᠴᠢ ᠡᠬᠢ ᠪᠠᠶᠠᠯᠢᠬᠵᠢᠭᠤᠯᠤᠨ ᠠᠰᠢᠭᠯᠠᠬᠤ ᠵᠡᠷᠭᠡ ᠶᠢᠨ ᠮᠧᠬᠠᠨᠢᠬᠵᠢᠭᠤᠯᠬᠤ ᠮᠡᠷᠭᠡᠵᠢᠯ ᠢ ᠶᠡᠭᠡ ᠪᠠᠷ ᠳᠡᠯᠭᠡᠷᠡᠭᠦᠯᠤᠨ᠎ᠡ᠃ ᠨᠤᠲᠤᠭ ᠪᠡᠯᠴᠢᠭᠡᠷ ᠤᠨ ᠠᠮᠢ ᠠᠬᠤᠢ ᠶᠢᠨ | ᠬᠠᠮᠠᠭᠠᠯᠠᠯᠲᠠ ᠪᠠ ᠰᠡᠷᠭᠦᠭᠡᠯᠲᠡ ᠶᠢᠨ ᠮᠧᠬᠠᠨᠢᠬᠵᠢᠭᠤᠯᠤᠯᠲᠠ ᠶᠢᠨ ᠪᠠᠭᠤᠷᠠᠢ ᠭᠤᠭᠴᠤᠭᠠᠨ ᠳᠤ ᠠᠩᠬᠠᠷᠤᠯ ᠢᠶᠠᠨ ᠲᠦᠪᠯᠡᠷᠡᠭᠦᠯᠵᠦ᠂ ᠪᠡᠯᠴᠢᠭᠡᠷ ᠡᠪᠡᠰᠦ ᠶᠢ ᠨᠦᠬᠦᠵᠦ | ᠲᠠᠷᠢᠬᠤ᠂ ᠦᠨᠳᠦᠰᠦ ᠪᠠᠷ ᠨᠢ ᠬᠠᠳᠤᠵᠤ ᠡᠭᠦᠯᠳᠡᠷ ᠢ ᠰᠠᠶᠢᠵᠢᠷᠠᠭᠤᠯᠬᠤ᠂ ᠬᠡᠭᠡᠷ᠎ᠡ ᠶᠢᠨ ᠡᠪᠡᠰᠦᠨ ᠤ ᠦᠷ᠎ᠡ ᠶᠢ ᠲᠡᠭᠦᠵᠦ ᠴᠤᠭᠯᠠᠭᠤᠯᠬᠤ᠂ ᠪᠡᠯᠴᠢᠭᠡᠷ ᠡᠪᠡᠰᠦᠨ ᠤ | ᠦᠷ᠎ᠡ ᠶᠢ ᠴᠡᠪᠡᠷᠯᠡᠨ ᠰᠢᠯᠢᠵᠦ ᠪᠣᠯᠪᠠᠰᠤᠷᠠᠭᠤᠯᠬᠤ᠂ ᠨᠤᠲᠤᠭ ᠪᠡᠯᠴᠢᠭᠡᠷ ᠤᠨ ᠠᠮᠢᠳᠤ ᠪᠤᠳᠠᠰ ᠤᠨ ᠭᠠᠢ ᠭᠠᠮᠰᠢᠭ ᠢ ᠰᠡᠷᠭᠡᠶᠢᠯᠡᠵᠦ ᠵᠠᠰᠠᠬᠤ ᠳᠤ ᠤᠨᠤᠪᠴᠢᠲᠠᠢ ᠪᠠᠷ | ᠡᠮ ᠤᠨ ᠥᠭᠯᠢᠭᠡ ᠥᠭᠬᠦ ᠪᠠ ᠪᠤᠬᠢᠷᠳᠤᠯ ᠦᠭᠡᠢ ᠪᠠᠷ ᠰᠡᠷᠭᠡᠶᠢᠯᠡᠨ ᠡᠵᠡᠮᠳᠡᠬᠦ ᠵᠡᠷᠭᠡ ᠮᠧᠬᠠᠨᠢᠬᠵᠢᠭᠤᠯᠬᠤ ᠮᠡᠷᠭᠡᠵᠢᠯ ᠢ ᠳᠡᠯᠭᠡᠷᠡᠭᠦᠯᠤᠨ᠎ᠡ᠃ ᠴᠠᠬᠢᠯᠭᠠᠨ ᠨᠡᠪᠲᠡᠷᠡᠭᠡ ᠦᠭᠡᠢ | ᠮᠠᠯᠵᠢᠬᠤ ᠤᠷᠤᠨ ᠳᠤ ᠰᠠᠯᠬᠢᠨ ᠤ ᠡᠨᠧᠷᠬᠢ ᠨᠠᠷᠠᠨ ᠤ ᠡᠨᠧᠷᠬᠢ ᠵᠡᠷᠭᠡ ᠴᠡᠪᠡᠷ ᠡᠨᠧᠷᠬᠢ ᠶᠢᠨ ᠰᠣᠷᠪᠤᠯᠵᠢ ᠶᠢᠨ ᠲᠤᠨᠤᠭ ᠲᠦᠭᠦᠬᠡᠷᠦᠮᠵᠢ ᠪᠣᠯᠤᠨ ᠮᠡᠷᠭᠡᠵᠢᠯ | ᠳᠡᠯᠭᠡᠷᠡᠭᠦᠯᠬᠦ ᠶᠢ ᠰᠠᠶᠢᠲᠤᠷ ᠬᠢᠵᠦ᠂ ᠪᠤᠬᠢᠷᠳᠦᠯ ᠦᠭᠡᠢ ᠮᠠᠯ ᠠᠵᠤ ᠠᠬᠤᠢ ᠶᠢᠨ ᠵᠠᠮ ᠢᠶᠠᠷ ᠵᠠᠮᠨᠠᠭᠤᠯᠤᠨ᠎ᠠ᠃ ᠴᠠᠭᠠᠨ ᠬᠠᠷᠭᠠᠨ᠎ᠠ᠂ ᠵᠠᠭ ᠮᠤᠲᠤ ᠵᠡᠷᠭᠡ ᠶᠢ ᠲᠠᠷᠢᠬᠤ | ᠬᠤᠷᠢᠶᠠᠬᠤ ᠵᠢᠴᠢ ᠲᠡᠵᠢᠭᠡᠯ ᠤᠨ ᠮᠧᠬᠠᠨᠢᠬᠵᠢᠭᠤᠯᠬᠤ ᠶᠢ ᠠᠬᠢᠭᠤᠯᠵᠤ᠂ ᠡᠬᠢ ᠪᠠᠶᠠᠯᠢᠭ ᠤᠨ ᠠᠰᠢᠭᠯᠠᠯᠲᠠ ᠬᠢᠭᠡᠳ ᠠᠮᠢ ᠠᠬᠤᠢ ᠶᠢᠨ ᠬᠠᠮᠠᠭᠠᠯᠠᠯᠲᠠ ᠶᠢ ᠬᠠᠷᠢᠯᠴᠠᠨ | ᠠᠭᠤᠰᠤᠯᠴᠠᠭᠤᠯᠤᠨ᠎ᠠ᠃ ᠭᠠᠭ᠋ᠠᠢ ᠵᠢᠭᠦᠷᠲᠡᠨ ᠤ ᠲᠡᠵᠢᠭᠡᠪᠦᠷᠢ ᠶᠢᠨ ᠮᠧᠬᠠᠨᠢᠬᠵᠢᠭᠤᠯᠤᠯᠲᠠ ᠶᠢ ᠬᠦᠭᠵᠢᠭᠦᠯᠦᠨ᠎ᠡ᠃ ︵ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ | ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ᠂ | ᠣᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠬᠠᠷᠢᠭᠤᠴᠠᠨ᠎ᠠ︶ | ︵ᠭᠤᠷᠪᠠ︶ ᠦᠨᠳᠦᠷ ᠪᠦᠲᠦᠮᠵᠢᠲᠡᠢ ᠮᠧᠬᠠᠨᠢᠬᠵᠢᠭᠤᠯᠤᠭᠰᠠᠨ ᠦᠢᠯᠡᠳᠪᠦᠷᠢᠯᠡᠯ ᠤᠨ ᠰᠢᠰᠲ᠋ᠧᠮᠵᠢ ᠶᠢ ᠬᠠᠮᠲᠤᠷᠠᠨ ᠪᠠᠶᠢᠭᠤᠯᠤᠨ᠎ᠠ᠃ ᠤᠳᠤᠬᠢᠴᠢᠯᠠᠭᠰᠠᠨ | ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠮᠡᠷᠭᠡᠵᠢᠯ ᠤᠨ ᠰᠢᠰᠲ᠋ᠧᠮᠵᠢ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠤᠭ᠎ᠠ᠂ | ᠬᠠᠮᠲᠤᠷᠠᠨ ᠰᠢᠨ᠎ᠡ ᠶᠢ ᠡᠭᠦᠳᠬᠦ ᠲᠥᠪ ᠵᠡᠷᠭᠡ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠳᠡᠮᠵᠢᠨ ᠠᠬᠢᠭᠤᠯᠵᠤ᠂ | ︽ᠦᠢᠯᠡᠳᠪᠦᠷᠢᠯᠡᠬᠦ ᠵᠢᠭᠠᠬᠤ ᠰᠤᠳᠤᠯᠬᠤ ᠳᠡᠯᠭᠡᠷᠡᠭᠦᠯᠬᠦ ᠬᠡᠷᠡᠭᠯᠡᠬᠦ︾ ᠬᠤᠯᠪᠤᠭ᠎ᠠ ᠶᠢᠨ ᠬᠤᠯᠪᠤᠭᠠᠯᠠᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠦᠷ᠎ᠡ ᠡᠭᠦᠯᠳᠡᠷ ᠢ | ᠠᠷᠠᠴᠢᠯᠠᠨ ᠪᠤᠶᠢᠵᠢᠭᠤᠯᠬᠤ᠂ ᠲᠤᠨᠤᠭ ᠲᠦᠬᠦᠭᠡᠷᠦᠮᠵᠢ ᠵᠡᠷᠭᠡ ᠣᠯᠠᠨ ᠰᠢᠨᠵᠢᠯᠡᠭᠡᠨ ᠤ ᠪᠣᠯᠤᠨ ᠦᠢᠯᠡᠳᠪᠦᠷᠢᠯᠡᠬᠦ ᠠᠴᠠ ᠡᠮᠦᠨ᠎ᠡ ᠦᠢᠯᠡᠳᠪᠦᠷᠢᠯᠡᠬᠦ ᠳᠤᠮᠳᠠ ᠪᠤᠯᠤᠨ | ᠦᠢᠯᠡᠳᠪᠦᠷᠢᠯᠡᠭᠰᠡᠨ ᠤ ᠳᠠᠷᠠᠭᠠᠬᠢ ᠡᠯ᠎ᠡ ᠭᠤᠭᠴᠤᠭᠠᠨ ᠳᠤ ᠬᠠᠮᠵᠢᠯᠴᠠᠨ ᠬᠤᠯᠪᠤᠭᠠᠯᠠᠨ ᠬᠦᠳᠡᠯᠦᠯᠴᠡᠬᠦ ᠶᠢ ᠠᠬᠢᠭᠤᠯᠤᠨ᠂ ᠰᠠᠶᠢᠨ ᠦᠷ᠎ᠡ᠂ ᠳᠡᠮ ᠲᠠᠢ ᠠᠷᠭ᠎ᠠ᠂ | ᠰᠢᠮᠡᠯᠢᠭ ᠭᠠᠵᠠᠷ᠂ ᠣᠬᠢ ᠮᠠᠰᠢᠨ ᠢ ᠢᠵᠢ ᠪᠦᠷᠢᠳᠦᠭᠦᠯᠵᠦ᠂ ᠪᠦᠬᠦ ᠶᠠᠪᠤᠴᠠ ᠶᠢᠨ ᠮᠧᠬᠠᠨᠢᠬᠵᠢᠭᠤᠯᠬᠤ ᠮᠡᠷᠭᠡᠵᠢᠯ ᠢ ᠡᠮᠬᠢᠳᠭᠡᠨ ᠪᠦᠷᠢᠳᠦᠭᠦᠯᠬᠦ ᠪᠠ ᠵᠢᠱᠢᠶ᠎ᠡ | ᠦᠵᠡᠭᠦᠯᠬᠦ ᠶᠢ ᠲᠦᠷᠭᠡᠳᠭᠡᠨ᠎ᠡ᠃ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠦᠬᠦ ᠶᠠᠪᠤᠴᠠ ᠶᠢᠨ ᠮᠧᠬᠠᠨᠢᠬᠵᠢᠭᠤᠯᠤᠯᠲᠠ ᠶᠢ ᠠᠬᠢᠭᠤᠯᠬᠤ | ᠠᠵᠢᠯᠯᠠᠭᠠᠨ ᠢ ᠬᠡᠷᠡᠭᠵᠢᠭᠦᠯᠵᠦ᠂ ᠨᠦᠬᠦᠴᠡᠯ ᠳᠤ ᠨᠡᠶᠢᠴᠡᠭᠰᠡᠨ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠤᠭᠤᠷᠢᠭ︶ ᠪᠠ ᠠᠲᠠᠷ ᠬᠠᠭᠠᠯᠪᠤᠷᠢᠯᠠᠯᠲᠠ ᠶᠢᠨ | ᠣᠷᠤᠨ ᠤ ᠪᠦᠬᠦ᠋ᠢᠯᠡ ᠪᠠᠶᠢᠭᠤᠯᠤᠮᠵᠢᠲᠦ ᠳᠥᠷᠢᠮ ᠤᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠦᠬᠦ ᠶᠠᠪᠤᠴᠠ ᠶᠢᠨ ᠮᠧᠬᠠᠨᠢᠬᠵᠢᠭᠤᠯᠤᠯᠲᠠ ᠶᠢ ᠡᠩ | ᠲᠡᠷᠢᠭᠦᠨ ᠳᠤ ᠦᠨᠳᠦᠰᠦᠨ ᠳᠤ ᠪᠠᠨ ᠪᠡᠶᠡᠯᠡᠭᠦᠯᠬᠦ ᠶᠢ ᠬᠦᠲᠦᠯᠦᠨ ᠵᠢᠯᠤᠭᠤᠳᠬᠤ ᠪᠠ ᠳᠡᠮᠵᠢᠯᠭᠡ ᠦᠵᠡᠭᠦᠯᠦᠨ᠎ᠡ᠃ ︵ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ | ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠵᠡᠷᠭᠡ ᠬᠠᠷᠢᠭᠤᠴᠠᠨ᠎ᠠ︶ | ᠳᠦᠷᠪᠡ᠂ ᠬᠡᠷᠡᠭᠯᠡᠬᠦ ᠳᠤ ᠲᠤᠬᠢᠷᠠᠮᠵᠢᠲᠠᠢ ᠲᠡᠷᠢᠭᠦᠨ ᠤ ᠲᠠᠷᠢᠶᠠᠯᠠᠩ ᠤᠨ ᠮᠠᠰᠢᠨ ᠤ ᠲᠤᠨᠤᠭ ᠲᠦᠭᠦᠭᠡᠷᠦᠮᠵᠢ ᠬᠢᠭᠡᠳ ᠮᠧᠬᠠᠨᠢᠬᠵᠢᠭᠤᠯᠬᠤ ᠮᠡᠷᠭᠡᠵᠢᠯ ᠢ | ᠬᠦᠴᠦᠯᠡᠨ ᠳᠡᠯᠭᠡᠷᠡᠭᠦᠯᠦᠨ᠎ᠡ | ︵ᠨᠢᠭᠡ︶ ᠪᠤᠬᠢᠷᠳᠦᠯ ᠦᠭᠡᠢ ᠦᠨᠳᠦᠷ ᠪᠦᠲᠦᠮᠵᠢᠲᠡᠢ ᠰᠢᠨ᠎ᠡ ᠮᠠᠰᠢᠨ ᠬᠡᠷᠡᠭᠰᠡᠯ ᠰᠢᠨ᠎ᠡ ᠮᠡᠷᠭᠡᠵᠢᠯ ᠢ ᠵᠢᠱᠢᠶ᠎ᠡ ᠦᠵᠡᠭᠦᠯᠦᠨ ᠳᠡᠯᠭᠡᠷᠡᠭᠦᠯᠬᠦ ᠶᠢ ᠴᠢᠩᠭᠠᠳᠬᠠᠨ᠎ᠠ᠃ | ᠬᠠᠮᠠᠭᠠᠯᠠᠯᠲᠠ ᠶᠢᠨ ᠴᠢᠨᠠᠷᠲᠠᠢ ᠪᠠᠷ ᠲᠠᠷᠢᠶᠠᠯᠠᠬᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ᠂ ᠮᠠᠯ ᠵᠢᠭᠦᠷᠲᠡᠨ ᠤ ᠰᠢᠭᠢᠭ ᠰᠠᠩᠭᠠᠰᠤ ᠶᠢ ᠡᠬᠢ ᠪᠠᠶᠠᠯᠢᠬᠵᠢᠭᠤᠯᠣᠨ | ᠠᠰᠢᠭᠯᠠᠬᠤ ᠵᠢᠴᠢ ᠲᠠᠷᠢᠶᠠᠨ ᠦᠷ᠎ᠡ ᠶᠢ ᠠᠷᠪᠢᠯᠠᠬᠤ᠂ ᠪᠤᠷᠳᠤᠭᠤᠷ ᠠᠷᠪᠢᠯᠠᠬᠤ᠂ ᠲᠠᠷᠢᠶᠠᠨ ᠡᠮ ᠠᠷᠪᠢᠯᠠᠬᠤ᠂ ᠤᠰᠤ ᠠᠷᠪᠢᠯᠠᠬᠤ ᠵᠡᠷᠭᠡ ᠡᠨᠧᠷᠬᠢ ᠠᠷᠪᠢᠯᠠᠵᠤ ᠤᠷᠴᠢᠨ | ᠲᠣᠭᠤᠷᠢᠨ ᠢ ᠬᠠᠮᠠᠭᠠᠯᠠᠬᠤ ᠪᠠ ᠪᠤᠬᠢᠷᠳᠤᠯ ᠦᠭᠡᠢ ᠦᠨᠳᠦᠷ ᠪᠦᠲᠦᠮᠵᠢᠲᠡᠢ ᠮᠧᠬᠠᠨᠢᠬᠵᠢᠭᠤᠯᠬᠤ ᠮᠡᠷᠭᠡᠵᠢᠯ ᠢ ᠶᠡᠭᠡ ᠪᠠᠷ ᠳᠡᠯᠭᠡᠷᠡᠭᠦᠯᠣᠨᠡ᠃ ᠳᠠᠪᠠᠭᠤᠯᠢᠭᠲᠤ ᠠᠵᠤ | ᠠᠬᠤᠶᠢᠯᠠᠯ ᠤᠳ ᠤᠨ ᠭᠤᠣᠯᠳᠠᠯᠭ᠎ᠠ ᠲᠠᠢ ᠬᠡᠷᠡᠭᠯᠡᠭᠴᠢ ᠯᠦᠭᠡ ᠵᠠᠯᠭᠠᠯᠳᠤᠬᠤ ᠶᠢ ᠳᠡᠮᠵᠢᠵᠦ᠂ ᠰᠤᠳᠤᠯᠤᠨ ᠨᠡᠭᠡᠭᠡᠵᠦ ᠦᠢᠯᠡᠳᠪᠦᠷᠢᠯᠡᠬᠦ ᠪᠠ ᠳᠡᠯᠭᠡᠷᠡᠭᠦᠯᠦᠨ ᠬᠡᠷᠡᠭᠯᠡᠬᠦ ᠶᠢ | ᠬᠠᠷᠢᠯᠴᠠᠨ ᠠᠬᠢᠭᠤᠯᠬᠤ ᠲᠤᠭᠲᠠᠴᠠ ᠶᠢ ᠪᠣᠢ ᠪᠣᠯᠭᠠᠨ᠎ᠠ᠃ ᠮᠡᠳᠡᠭᠡ ᠵᠠᠩᠭᠢᠴᠢᠯᠠᠯᠲᠠ᠂ ᠤᠶᠤᠨᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠦ᠂ ᠤᠶᠤᠨᠴᠢ | ᠲᠠᠷᠢᠶᠠᠯᠠᠩ ᠤᠨ ᠮᠠᠰᠢᠨ ᠬᠢᠭᠡᠳ ᠤᠬᠠᠭᠠᠯᠢᠭ ᠮᠠᠯ ᠠᠵᠤ ᠠᠬᠤᠢ᠂ ᠡᠭᠦᠯᠡᠨᠴᠡᠷ ᠲᠠᠷᠢᠶᠠᠯᠠᠩ ᠮᠠᠯᠵᠢᠯ ᠤᠨ ᠲᠠᠯᠠᠪᠠᠢ ᠵᠡᠷᠭᠡ ᠠᠭᠤᠰᠤᠯᠴᠠᠨ ᠬᠦᠭᠵᠢᠬᠦ ᠶᠢ ᠠᠬᠢᠭᠤᠯᠤᠨ᠎ᠡ᠃ | ︽ᠢᠨᠲ᠋ᠧᠷ ᠰᠦᠯᠵᠢᠶ᠎ᠡ + ᠲᠠᠷᠢᠶᠠᠯᠠᠩ ᠤᠨ ᠮᠠᠰᠢᠨ ᠢᠶᠠᠷ ᠠᠵᠢᠯᠯᠠᠭᠤᠯᠬᠤ︾ ᠢ ᠠᠬᠢᠭᠤᠯᠵᠤ᠂ ᠲᠠᠷᠢᠶᠠᠯᠠᠩ ᠤᠨ ᠮᠠᠰᠢᠨ ᠢᠶᠠᠷ ᠠᠵᠢᠯᠯᠠᠭᠤᠯᠬᠤ ᠶᠢ ᠬᠢᠨᠠᠨ ᠰᠢᠨᠵᠢᠬᠦ᠂ | ᠠᠯᠤᠰ ᠡᠵᠡᠮᠰᠢᠯ ᠢᠶᠠᠷ ᠲᠤᠬᠢᠷᠠᠭᠤᠯᠬᠤ ᠵᠡᠷᠭᠡ ᠮᠡᠳᠡᠭᠡ ᠵᠠᠩᠭᠢᠴᠢᠯᠠᠭᠰᠠᠨ ᠦᠢᠯᠡᠴᠢᠯᠡᠭᠡᠨ ᠤ ᠲᠠᠪᠴᠠᠩ ᠢ ᠳᠡᠯᠭᠡᠷᠡᠭᠦᠯᠦᠨ ᠬᠡᠷᠡᠭᠯᠡᠨ᠎ᠡ᠃ ᠤᠷᠭᠤᠮᠠᠯ ᠢ ᠬᠠᠮᠠᠭᠠᠯᠠᠬᠤ | ᠬᠦᠮᠦᠨ ᠦᠭᠡᠢ ᠨᠢᠰᠭᠡᠯ ᠢ ᠳᠡᠯᠭᠡᠷᠡᠭᠦᠯᠦᠨ ᠬᠡᠷᠡᠭᠯᠡᠬᠦ ᠶᠢ ᠵᠢᠷᠤᠮᠵᠢᠭᠤᠯᠵᠤ ᠠᠬᠢᠭᠤᠯᠤᠨ᠎ᠠ᠃ ᠮᠦᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠡᠷᠬᠡ ᠬᠠᠷᠢᠶᠠᠯᠠᠯ ᠨᠢ ᠢᠯᠡ | ᠳᠤᠳᠤᠷᠬᠠᠢ ᠪᠠᠶᠢᠬᠤ ᠲᠤᠮᠤ ᠬᠡᠯᠪᠡᠷᠢ ᠶᠢᠨ ᠲᠠᠷᠢᠶᠠᠯᠠᠩ ᠤᠨ ᠮᠠᠰᠢᠨ ᠤ ᠲᠤᠨᠤᠭ ᠲᠦᠬᠦᠭᠡᠷᠦᠮᠵᠢ ᠳᠤ ᠪᠠᠷᠢᠴᠠᠭᠠᠳᠤ ᠵᠢᠭᠡᠯᠡᠯᠭᠡ ᠲᠠᠯᠪᠢᠬᠤ ᠵᠢᠴᠢ ᠨᠦᠬᠦᠴᠡᠯ ᠲᠠᠢ ᠭᠠᠵᠠᠷ | ᠤᠷᠤᠨ ᠤ ᠲᠤᠮᠤ ᠬᠡᠯᠪᠡᠷᠢ ᠶᠢᠨ ᠲᠠᠷᠢᠶᠠᠯᠠᠩ ᠤᠨ ᠮᠠᠰᠢᠨ ᠤ ᠲᠤᠨᠤᠭ ᠲᠦᠬᠦᠭᠡᠷᠦᠮᠵᠢ ᠬᠤᠳᠠᠯᠳᠤᠨ ᠠᠪᠬᠤ ᠳᠤ ᠳᠠᠮ ᠬᠦᠦ ᠲᠠᠢ ᠵᠢᠭᠡᠯᠡᠯᠭᠡ ᠥᠭᠬᠦ ᠲᠤᠷᠰᠢᠯᠲᠠ ᠶᠢᠨ | ᠵᠢᠱᠢᠶ᠎ᠡ ᠦᠵᠡᠭᠦᠯᠬᠦ ᠠᠵᠢᠯ ᠬᠢᠬᠦ ᠶᠢ ᠵᠣᠷᠢᠬᠵᠢᠭᠤᠯᠤᠨ᠎ᠠ᠃ ᠲᠠᠷᠢᠶᠠᠯᠠᠩ ᠤᠨ ᠮᠠᠰᠢᠨ ᠢ ᠪᠦᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠳᠤ ᠲᠤᠭᠲᠠᠭᠠᠯ | ᠶᠤᠰᠤᠭᠠᠷ ᠦᠷᠳᠡᠭ ᠨᠡᠮᠡᠭᠳᠡᠯ ᠤᠨ ᠭᠠᠶᠢᠯᠢ ᠠᠴᠠ ᠬᠡᠯᠲᠦᠷᠢᠭᠦᠯᠬᠦ ᠲᠥᠷᠥ ᠶᠢᠨ ᠪᠣᠳᠤᠯᠭ᠎ᠠ ᠶᠢ ᠲᠤᠬᠢᠷᠠᠭᠤᠯᠤᠨ ᠬᠡᠷᠡᠭᠯᠡᠨ᠎ᠡ᠃ ᠬᠡᠷᠡᠭᠯᠡᠭᠡᠨ ᠠᠴᠠ ᠭᠠᠷᠤᠭᠰᠠᠨ | ᠲᠠᠷᠢᠶᠠᠯᠠᠩ ᠤᠨ ᠮᠠᠰᠢᠨ ᠢ ᠰᠢᠨᠡᠴᠢᠯᠡᠬᠦ ᠶᠢ ᠢᠳᠡᠪᠬᠢᠲᠡᠢ ᠠᠬᠢᠭᠤᠯᠵᠤ᠂ ᠣᠨ ᠤᠳᠠᠵᠤ ᠬᠠᠭᠤᠴᠢᠷᠠᠭᠰᠠᠨ ᠲᠠᠷᠢᠶᠠᠯᠠᠩ ᠤᠨ ᠮᠠᠰᠢᠨ ᠤ ᠲᠤᠨᠤᠭ ᠲᠦᠭᠦᠭᠡᠷᠦᠮᠵᠢ ᠶᠢᠨ | ᠰᠢᠭᠰᠢᠭᠳᠡᠭᠦᠯᠬᠦ ᠶᠢ ᠲᠦᠷᠭᠡᠳᠭᠡᠵᠦ᠂ ᠰᠢᠨ᠎ᠡ ᠮᠠᠰᠢᠨ ᠬᠡᠷᠡᠭᠰᠡᠯ ᠰᠢᠨ᠎ᠡ ᠮᠡᠷᠭᠡᠵᠢᠯ ᠢ ᠳᠡᠯᠭᠡᠷᠡᠭᠦᠯᠦᠨ ᠬᠡᠷᠡᠭᠯᠡᠭᠦᠯᠬᠦ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ | ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠠᠵᠤ | ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠠᠷᠠᠳ ᠤᠨ ᠪᠠᠩᠬᠢ ᠶᠢᠨ ᠭᠦᠬᠡᠬᠤᠳᠠ ᠲᠦᠪ ᠰᠠᠯᠪᠤᠷᠢ ᠪᠠᠩᠬᠢ᠂ ᠥᠪᠥᠷ | ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠤᠪᠴᠢᠶ᠎ᠠ᠂ ᠥᠪᠥᠷ ᠮᠤᠩᠭᠤᠯ ᠤᠨ ᠪᠠᠩᠬᠢ ᠪᠠ ᠳᠠᠭᠠᠳᠬᠠᠯ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ᠂ ᠠᠷᠠᠳ ᠤᠨ | ᠠᠭᠠᠷ ᠤᠨ ᠲᠡᠬᠡᠬᠡᠪᠦᠷᠢ ᠶᠢᠨ ᠥᠪᠥᠷ ᠮᠤᠩᠭᠤᠯ ᠤᠨ ᠠᠶᠤᠯ ᠦᠭᠡᠢ ᠶᠢᠨ ᠬᠢᠨᠠᠯᠳᠠ ᠬᠠᠮᠢᠶᠠᠷᠤᠯᠳᠠ ᠶᠢᠨ ᠲᠣᠪᠴᠢᠶ᠎ᠠ ᠵᠡᠷᠭᠡ ᠬᠠᠷᠢᠭᠤᠴᠠᠨ᠎ᠠ︶ | ︵ᠬᠤᠶᠠᠷ︶ ᠲᠠᠷᠢᠶᠠᠯᠠᠩ ᠮᠠᠯ ᠠᠵᠤ ᠠᠬᠤᠢ ᠶᠢᠨ ᠮᠧᠬᠠᠨᠢᠬᠵᠢᠭᠤᠯᠬᠤ ᠮᠡᠷᠭᠡᠵᠢᠯ ᠢ ᠳᠡᠯᠭᠡᠷᠡᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠠᠷᠢᠶᠠᠯᠠᠩ ᠮᠠᠯ ᠠᠵᠤ | ᠠᠬᠤᠢ ᠶᠢᠨ ᠮᠧᠬᠠᠨᠢᠬᠵᠢᠭᠤᠯᠬᠤ ᠮᠡᠷᠭᠡᠵᠢᠯ ᠢ ᠳᠡᠯᠭᠡᠷᠡᠭᠦᠯᠬᠦ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠤᠷᠰᠢᠯᠲᠠ ᠬᠢᠵᠦ ᠵᠢᠱᠢᠶ᠎ᠡ ᠦᠵᠡᠭᠦᠯᠬᠦ | ᠰᠠᠭᠤᠷᠢᠨ ᠢ ᠪᠠᠶᠢᠭᠤᠯᠵᠤ᠂ ᠰᠢᠨ᠎ᠡ ᠮᠡᠷᠭᠡᠵᠢᠯ ᠢ ᠲᠤᠷᠰᠢᠵᠤ ᠰᠢᠯᠭᠠᠨ ᠪᠠᠲᠤᠯᠠᠬᠤ ᠪᠠ ᠵᠢᠱᠢᠶ᠎ᠡ ᠦᠵᠡᠭᠦᠯᠦᠨ ᠳᠡᠯᠭᠡᠷᠡᠭᠦᠯᠬᠦ ᠴᠢᠳᠠᠮᠵᠢ ᠶᠢ ᠴᠢᠩᠭᠠᠷᠠᠭᠤᠯᠤᠨ᠎ᠠ᠃ | ᠲᠠᠷᠢᠶᠠᠯᠠᠩ ᠤᠨ ᠮᠠᠰᠢᠨ ᠤ ᠠᠵᠤ ᠠᠬᠤᠶᠢᠯᠠᠯ᠂ ᠡᠷᠳᠡᠮ ᠰᠢᠨᠵᠢᠯᠡᠭᠡᠨ ᠤ ᠵᠢᠭᠠᠨ ᠰᠤᠷᠭᠠᠬᠤ ᠨᠢᠭᠡᠴᠢ ᠵᠢᠴᠢ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠵᠤᠬᠢᠶᠠᠨ | ᠪᠠᠶᠢᠭᠤᠯᠤᠯᠲᠠ ᠵᠡᠷᠭᠡ ᠶᠢᠨ ᠲᠠᠷᠢᠶᠠᠯᠠᠩ ᠮᠠᠯ ᠠᠵᠤ ᠠᠬᠤᠢ ᠶᠢᠨ ᠮᠧᠬᠠᠨᠢᠬᠵᠢᠭᠤᠯᠬᠤ ᠮᠡᠷᠭᠡᠵᠢᠯ ᠤᠨ ᠳᠡᠯᠭᠡᠷᠡᠭᠦᠯᠬᠦ ᠠᠵᠢᠯ ᠳᠤ ᠦᠷᠭᠡᠨ ᠢᠶᠠᠷ ᠣᠷᠤᠯᠴᠠᠬᠤ ᠶᠢ | ᠵᠣᠷᠢᠬᠵᠢᠭᠤᠯᠤᠨ᠎ᠠ᠃ ᠵᠠᠰᠠᠭ ᠤᠨ ᠤᠷᠳᠤᠨ ᠦᠢᠯᠡᠴᠢᠯᠡᠭᠡ ᠬᠤᠳᠠᠯᠳᠤᠨ ᠠᠪᠬᠤ ᠶᠢ ᠶᠠᠪᠤᠭᠳᠠᠭᠤᠯᠵᠤ᠂ ᠲᠠᠷᠢᠶᠠᠯᠠᠩ ᠤᠨ ᠮᠠᠰᠢᠨ ᠤ ᠰᠢᠨᠵᠢᠯᠡᠬᠦ ᠤᠬᠠᠭᠠᠨ ᠤ | ᠰᠤᠳᠤᠯᠤᠯ ᠤᠨ ᠳᠡᠯᠭᠡᠷᠡᠭᠦᠯᠦᠭᠴᠢ ᠶᠢᠨ ᠲᠠᠷᠢᠶᠠᠯᠠᠩ ᠤᠨ ᠮᠠᠰᠢᠨ ᠢ ᠦᠢᠯᠡᠳᠪᠦᠷᠢᠯᠡᠬᠦ ᠠᠵᠤ ᠠᠬᠤᠶᠢᠯᠠᠯ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ | ᠡᠵᠡᠩᠨᠡᠯᠲᠡ ᠶᠢᠨ ᠭᠤᠣᠯ ᠴᠤᠭᠴᠠ ᠯᠤᠭ᠎ᠠ ᠮᠡᠷᠭᠡᠵᠢᠯ ᠤᠨ ᠬᠠᠮᠲᠤᠷᠠᠯᠴᠠᠭ᠎ᠠ ᠦᠷᠨᠢᠭᠦᠯᠬᠦ ᠶᠢ ᠵᠤᠷᠢᠬᠵᠢᠭᠤᠯᠤᠨ᠎ᠠ᠃ ᠣᠳᠤ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ | ᠬᠡᠷᠡᠭᠯᠡᠵᠦ᠂ ᠲᠠᠷᠢᠶᠠᠯᠠᠩ ᠤᠨ ᠮᠠᠰᠢᠨ ᠢ ᠳᠡᠯᠭᠡᠨ ᠦᠵᠡᠭᠦᠯᠬᠦ ᠪᠠ ᠠᠵᠢᠯᠯᠠᠭᠤᠯᠵᠤ ᠦᠵᠡᠭᠦᠯᠬᠦ᠂ ︽ᠲᠠᠷᠢᠶᠠᠨ ᠤ ᠡᠳᠦᠷᠯᠢᠭ︾ ᠤᠨ ᠠᠵᠢᠯᠯᠠᠭᠠᠨ ᠵᠡᠷᠭᠡ ᠬᠡᠯᠪᠡᠷᠢ | ᠮᠠᠶ᠋ᠢᠭ ᠢ ᠰᠢᠨ᠎ᠡ ᠪᠠᠷ ᠡᠭᠦᠳᠴᠦ᠂ ᠲᠠᠷᠢᠶᠠᠯᠠᠩ ᠮᠠᠯ ᠠᠵᠤ ᠠᠬᠤᠢ ᠶᠢᠨ ᠮᠧᠬᠠᠨᠢᠬᠵᠢᠭᠤᠯᠬᠤ ᠮᠡᠷᠭᠡᠵᠢᠯ ᠢ ᠳᠡᠯᠭᠡᠷᠡᠭᠦᠯᠬᠦ ᠦᠷ᠎ᠡ ᠪᠦᠲᠦᠭᠡᠯ ᠢ ᠦᠨᠡᠨ ᠬᠦ | ᠳᠡᠭᠡᠭᠰᠢᠯᠡᠭᠦᠯᠦᠨ᠎ᠡ᠃ ︵ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠠᠵᠤ | ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠵᠡᠷᠭᠡ ᠬᠠᠷᠢᠭᠤᠴᠠᠨ᠎ᠠ︶ | ᠲᠠᠪᠤ᠂ ᠲᠠᠷᠢᠶᠠᠯᠠᠩ ᠤᠨ ᠮᠠᠰᠢᠨ ᠤ ᠨᠡᠶᠢᠭᠡᠮᠴᠢᠯᠡᠭᠰᠡᠨ ᠦᠢᠯᠡᠴᠢᠯᠡᠭᠡ ᠶᠢ ᠢᠳᠡᠪᠬᠢᠲᠡᠢ ᠬᠦᠭᠵᠢᠭᠦᠯᠦᠨ᠎ᠡ | ︵ᠨᠢᠭᠡ︶ ᠲᠠᠷᠢᠶᠠᠯᠠᠩ ᠤᠨ ᠮᠠᠰᠢᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ ᠬᠦᠭᠵᠢᠭᠦᠯᠦᠨ᠎ᠡ᠃ ᠲᠠᠷᠢᠶᠠᠯᠠᠩ ᠤᠨ ᠮᠠᠰᠢᠨ ᠤ | ᠬᠤᠷᠰᠢᠶᠠᠯᠠᠯ ᠵᠡᠷᠭᠡ ᠰᠢᠨ᠎ᠡ ᠬᠡᠯᠪᠡᠷᠢ ᠶᠢᠨ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠵᠤᠬᠢᠶᠠᠨ ᠪᠠᠶᠢᠭᠤᠯᠤᠯᠲᠠ ᠶᠢ ᠪᠤᠶᠢᠵᠢᠭᠤᠯᠤᠨ ᠪᠤᠵᠠᠭᠠᠶᠢᠷᠠᠭᠤᠯᠵᠤ᠂ | ᠳᠤᠬᠢᠷᠠᠮᠵᠢᠲᠠᠢ ᠬᠡᠪᠴᠢᠶᠡᠵᠢᠯᠲᠦ ᠡᠵᠡᠩᠨᠡᠯᠲᠡ ᠶᠢᠨ ᠦᠢᠯᠡᠴᠢᠯᠡᠭᠡ ᠦᠷᠨᠢᠭᠦᠯᠬᠦ ᠶᠢ ᠳᠡᠮᠵᠢᠨ᠎ᠡ᠃ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠮᠦᠩᠭᠦᠨ ᠭᠦᠢᠯᠭᠡᠭᠡᠨ ᠤ | ᠳᠡᠮᠵᠢᠯᠭᠡ ᠶᠢᠨ ᠲᠥᠷᠥ ᠶᠢᠨ ᠪᠣᠳᠤᠯᠭ᠎ᠠ ᠶᠢ ᠨᠠᠶᠢᠳᠠᠪᠤᠷᠢᠵᠢᠭᠤᠯᠵᠤ᠂ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠢᠯᠤᠭᠤᠳᠴᠦ ᠪᠠᠶᠢᠭᠠᠳ ᠲᠠᠷᠢᠶᠠᠯᠠᠩ ᠤᠨ ᠮᠠᠰᠢᠨ ᠤ | ᠠᠵᠤ ᠠᠬᠤᠶᠢᠯᠠᠯ ᠪᠣᠯᠤᠨ ᠰᠢᠨ᠎ᠡ ᠬᠡᠯᠪᠡᠷᠢ ᠶᠢᠨ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠳᠤ ᠣᠯᠭᠤᠬᠤ ᠢᠲᠡᠭᠡᠮᠵᠢᠳᠦ ᠵᠢᠭᠡᠯᠡᠯᠭᠡ | ᠲᠠᠯᠪᠢᠬᠤ ᠶᠢ ᠨᠡᠮᠡᠭᠳᠡᠭᠦᠯᠵᠦ᠂ ᠡᠯ᠎ᠡ ᠲᠥᠷᠥᠯ ᠤᠨ ᠢᠲᠡᠭᠡᠮᠵᠢᠳᠦ ᠵᠢᠭᠡᠯᠡᠯᠭᠡ ᠶᠢᠨ ᠨᠡᠷᠡᠳᠭᠦᠨ ᠢ ᠠᠮᠢᠳᠤᠯᠢᠭ ᠢᠶᠠᠷ ᠨᠡᠭᠡᠭᠡᠨ ᠬᠦᠭᠵᠢᠭᠦᠯᠬᠦ ᠪᠠ ᠪᠤᠳᠠᠭᠠᠯᠢᠴᠢᠯᠠᠭᠰᠠᠨ ᠪᠡᠯᠡ | ᠲᠣᠬᠢᠷᠠᠭᠤᠯᠭ᠎ᠠ ᠶᠢᠨ ᠲᠦᠰᠦᠯ ᠬᠠᠩᠭᠠᠨ᠎ᠠ︔ ᠵᠠᠬ᠎ᠠ ᠳᠡᠯᠭᠡᠭᠦᠷᠴᠢᠯᠡᠬᠦ ᠵᠠᠷᠴᠢᠮ ᠶᠤᠰᠤᠭᠠᠷ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠳᠠᠯᠠᠪᠠᠢ᠂ ᠲᠠᠷᠢᠶᠠᠯᠠᠩ ᠤᠨ | ᠮᠠᠰᠢᠨ ᠤ ᠬᠤᠷᠰᠢᠶᠠᠯᠠᠯ᠂ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠵᠡᠷᠭᠡ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ | ᠭᠤᠣᠯ ᠴᠤᠭᠴᠠ ᠳᠤ ᠬᠠᠨᠳᠤᠭᠤᠯᠤᠭᠰᠠᠨ ᠲᠠᠷᠢᠶᠠᠯᠠᠩ ᠤᠨ ᠮᠠᠰᠢᠨ ᠤ ᠪᠡᠯᠡ ᠲᠣᠬᠢᠷᠠᠭᠤᠯᠭ᠎ᠠ ᠶᠢᠨ ᠲᠦᠷᠢᠶᠡᠰᠦᠯᠡᠯ ᠤᠨ ᠲᠤᠬᠠᠶᠢᠯᠠᠭᠰᠠᠨ ᠠᠵᠢᠯ ᠪᠠ ᠢᠲᠡᠭᠡᠮᠵᠢᠳᠦ | ᠵᠢᠭᠡᠯᠡᠯᠭᠡ ᠶᠢᠨ ᠳᠠᠭᠠᠭᠠᠯᠲᠠ ᠬᠢᠬᠦ ᠦᠢᠯᠡᠴᠢᠯᠡᠭᠡ ᠶᠢ ᠦᠷᠨᠢᠭᠦᠯᠵᠣ᠂ ᠪᠠᠷᠢᠴᠠᠭᠠᠯᠠᠵᠤ ᠳᠡᠨᠵᠢᠯᠡᠬᠦ ᠡᠳ᠋ ᠪᠤᠳᠠᠰ ᠤᠨ ᠬᠦᠷᠢᠶ᠎ᠡ ᠬᠡᠪᠴᠢᠶ᠎ᠡ ᠶᠢ ᠦᠷᠭᠡᠳᠭᠡᠨ᠎ᠡ᠃ | ᠲᠠᠷᠢᠶᠠᠯᠠᠩ ᠤᠨ ᠮᠠᠰᠢᠨ ᠤ ᠳᠠᠭᠠᠳᠬᠠᠯ ᠤᠨ ᠲᠥᠷᠥ ᠶᠢᠨ ᠪᠣᠳᠤᠯᠭ᠎ᠠ ᠶᠢᠨ ᠵᠢᠯᠤᠭᠤᠳᠤᠯᠭ᠎ᠠ ᠶᠢ ᠴᠢᠩᠭᠠᠳᠬᠠᠵᠤ᠂ ᠲᠠᠷᠢᠶᠠᠯᠠᠩ ᠤᠨ ᠮᠠᠰᠢᠨ ᠤ ᠳᠠᠭᠠᠳᠬᠠᠯ ᠤᠨ | ᠲᠤᠷᠰᠢᠯᠲᠠ ᠶᠢᠨ ᠴᠡᠭ ᠢ ᠠᠬᠢᠭᠤᠯᠤᠨ᠎ᠠ᠃ ᠲᠠᠷᠢᠶᠠᠯᠠᠩ ᠤᠨ ᠮᠠᠰᠢᠨ ᠤ ᠪᠡᠯᠡ ᠲᠣᠬᠢᠷᠠᠭᠤᠯᠭ᠎ᠠ ᠶᠢᠨ ᠲᠦᠷᠢᠶᠡᠰᠦᠯᠡᠯ ᠤᠨ ᠦᠢᠯᠡᠴᠢᠯᠡᠭᠡ ᠳᠤ ᠦᠷᠲᠡᠭ ᠨᠡᠮᠡᠭᠳᠡᠯ ᠤᠨ | ᠭᠠᠶᠢᠯᠢ ᠶᠢᠨ ᠬᠠᠷᠠᠭᠠᠯᠵᠠᠯ ᠤᠨ ᠲᠥᠷᠥ ᠶᠢᠨ ᠪᠣᠳᠤᠯᠭ᠎ᠠ ᠶᠢ ᠲᠤᠭᠲᠠᠭᠠᠯ ᠶᠤᠰᠤᠭᠠᠷ ᠲᠤᠬᠢᠷᠠᠭᠤᠯᠤᠨ ᠬᠡᠷᠡᠭᠯᠡᠨ᠎ᠡ᠃ ᠲᠠᠷᠢᠶᠠᠯᠠᠩ ᠤᠨ ᠮᠠᠰᠢᠨ ᠢᠶᠠᠷ ᠲᠠᠷᠢᠶᠠᠯᠠᠬᠤ | ᠦᠢᠯᠡᠴᠢᠯᠡᠭᠡ ᠳᠤ ᠦᠷᠲᠡᠭ ᠨᠡᠮᠡᠭᠳᠡᠯ ᠤᠨ ᠭᠠᠶᠢᠯᠢ ᠠᠴᠠ ᠬᠡᠯᠲᠦᠷᠢᠭᠦᠯᠬᠦ ᠲᠥᠷᠥ ᠶᠢᠨ ᠪᠣᠳᠤᠯᠭ᠎ᠠ ᠶᠢ ᠲᠤᠭᠲᠠᠭᠠᠯ ᠶᠤᠰᠤᠭᠠᠷ ᠲᠤᠬᠢᠷᠠᠭᠤᠯᠤᠨ ᠬᠡᠷᠡᠭᠯᠡᠨ᠎ᠡ᠃ ︵ | ᠥᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ | ᠠᠷᠠᠳ ᠤᠨ ᠪᠠᠩᠬᠢ ᠶᠢᠨ ᠭᠦᠬᠡᠬᠤᠳᠠ ᠲᠦᠪ ᠰᠠᠯᠪᠤᠷᠢ ᠪᠠᠩᠬᠢ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠤᠪᠴᠢᠶ᠎ᠠ᠂ ᠥᠪᠥᠷ ᠮᠤᠩᠭᠤᠯ ᠤᠨ ᠪᠠᠩᠬᠢ ᠪᠠ | ᠳᠠᠭᠠᠳᠬᠠᠯ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠵᠡᠷᠭᠡ ᠬᠠᠷᠢᠭᠤᠴᠠᠨ᠎ᠠ︶ | ︵ᠬᠤᠶᠠᠷ︶ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠲᠤᠭᠲᠠᠴᠠ ᠳᠤ ᠰᠢᠨ᠎ᠡ ᠶᠢ ᠡᠭᠦᠳᠬᠦ ᠶᠢ ᠠᠬᠢᠭᠤᠯᠤᠨ᠎ᠠ᠃ ᠲᠠᠷᠢᠶᠠᠯᠠᠩ ᠤᠨ ᠮᠠᠰᠢᠨ ᠤ | ᠦᠢᠯᠡᠴᠢᠯᠡᠭᠡᠨ ᠤ ᠭᠤᠣᠯ ᠴᠤᠭᠴᠠ ᠶᠢᠨ ᠦᠨᠳᠦᠷ ᠪᠦᠲᠦᠮᠵᠢᠲᠡᠢ ᠪᠦᠬᠡᠳ ᠳᠥᠭᠦᠮ ᠳᠥᠲᠡ ᠲᠠᠷᠢᠶᠠᠯᠠᠩ ᠤᠨ ᠮᠠᠰᠢᠨ ᠢᠶᠠᠷ ᠠᠵᠢᠯᠯᠠᠬᠤ ᠦᠢᠯᠡᠴᠢᠯᠡᠭᠡᠨ | ᠦᠷᠨᠢᠭᠦᠯᠬᠦ ᠶᠢ ᠵᠤᠷᠢᠬᠵᠢᠭᠤᠯᠵᠤ᠂ ᠵᠢᠵᠢᠭ ᠲᠠᠷᠢᠶᠠᠯᠠᠬᠤ ᠡᠷᠦᠬᠡ ᠮᠠᠯᠵᠢᠬᠤ ᠡᠷᠦᠬᠡ ᠤᠳ ᠢ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠲᠡ ᠯᠦᠭᠡ | ᠤᠷᠭᠠᠨᠢᠭ ᠢᠶᠠᠷ ᠵᠣᠯᠭᠠᠭᠤᠯᠬᠤ ᠶᠢ ᠠᠬᠢᠭᠤᠯᠤᠨ᠎ᠠ᠃ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠭᠤᠣᠯ ᠴᠤᠭᠴᠠ ᠨᠤᠭᠤᠳ ᠭᠡᠷ ᠪᠦᠯᠢ ᠶᠢᠨ ᠲᠠᠷᠢᠶᠠᠯᠠᠩ | ᠮᠠᠯᠵᠢᠯ ᠤᠨ ᠲᠠᠯᠠᠪᠠᠢ᠂ ᠲᠠᠷᠢᠵᠤ ᠠᠷᠠᠴᠢᠯᠠᠬᠤ ᠲᠤᠮᠤ ᠡᠷᠦᠬᠡ᠂ ᠡᠩ ᠤᠨ ᠲᠠᠷᠢᠶᠠᠯᠠᠬᠤ ᠮᠠᠯᠵᠢᠬᠤ ᠡᠷᠦᠬᠡ ᠵᠢᠴᠢ ᠲᠠᠷᠢᠶᠠᠯᠠᠩ ᠮᠠᠯ ᠠᠵᠤ ᠠᠬᠤᠢ ᠶᠢᠨ ᠠᠵᠤ | ᠠᠬᠤᠶᠢᠯᠠᠯ ᠯᠤᠭ᠎ᠠ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠤᠯᠪᠤᠭᠠᠲᠤ ᠴᠤᠭᠴᠠ ᠪᠠᠶᠢᠭᠤᠯᠬᠤ ᠶᠢ ᠵᠣᠷᠢᠬᠵᠢᠭᠤᠯᠵᠤ᠂ ᠮᠠᠰᠢᠨ ᠬᠡᠷᠡᠭᠰᠡᠯ ᠢ | ᠬᠠᠮᠲᠤ ᠳᠤ ᠪᠠᠨ ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠬᠦ᠂ ᠬᠠᠷᠢᠯᠴᠠᠨ ᠠᠰᠢᠭ ᠣᠯᠭᠤᠵᠤ ᠬᠠᠮᠲᠤ ᠪᠠᠷ ᠣᠯᠵᠠ ᠬᠦᠷᠲᠡᠬᠦ ᠶᠢ ᠪᠡᠶᠡᠯᠡᠭᠦᠯᠦᠨ᠎ᠡ᠃ | ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠬᠡᠯᠪᠡᠷᠢ ᠪᠠᠶᠢᠳᠠᠯ ᠳᠤ ᠰᠢᠨ᠎ᠡ ᠶᠢ ᠡᠭᠦᠳᠬᠦ ᠶᠢ ᠠᠬᠢᠭᠤᠯᠵᠤ᠂ ᠨᠢᠭᠡ ᠪᠦᠯᠦᠭ ︽ᠪᠦᠬᠦ ᠶᠠᠪᠤᠴᠠ ᠶᠢ ᠮᠧᠬᠠᠨᠢᠬᠵᠢᠭᠤᠯᠬᠤ | + ᠶᠡᠷᠦᠩᠬᠡᠶᠢᠯᠡᠭᠰᠡᠨ ᠲᠠᠷᠢᠶᠠᠯᠠᠩ ᠤᠨ ᠶᠠᠪᠤᠳᠠᠯ︾ ᠤᠨ ᠦᠢᠯᠡᠴᠢᠯᠡᠭᠡᠨ ᠤ ᠲᠥᠪ ᠢ ᠪᠠᠶᠢᠭᠤᠯᠵᠤ᠂ ᠲᠠᠷᠢᠶᠠᠯᠠᠬᠤ ᠮᠠᠯᠵᠢᠬᠤ ᠡᠷᠦᠬᠡ ᠳᠤ ᠪᠦᠬᠦ ᠶᠠᠪᠤᠴᠠ ᠪᠠᠷ | ᠮᠧᠬᠠᠨᠢᠬᠵᠢᠭᠤᠯᠤᠨ ᠠᠵᠢᠯᠯᠠᠬᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠨᠢᠭᠡᠲᠦᠯᠲᠡᠢ ᠬᠤᠳᠠᠯᠳᠤᠨ ᠠᠪᠬᠤ᠂ ᠮᠡᠷᠭᠡᠵᠢᠯ ᠤᠨ ᠪᠣᠯᠪᠠᠰᠤᠷᠠᠭᠤᠯᠤᠯ ᠬᠢᠬᠦ᠂ | ᠮᠡᠳᠡᠭᠡ ᠵᠠᠩᠭᠢ ᠶᠢᠨ ᠯᠠᠪᠯᠠᠯᠭ᠎ᠠ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠪᠤᠷᠤᠯᠠᠭᠤᠯᠤᠨ ᠬᠤᠳᠠᠯᠳᠤᠬᠤ ᠶᠢ ᠵᠠᠯᠭᠠᠯᠳᠤᠭᠤᠯᠬᠤ ᠵᠡᠷᠭᠡ ︽ᠨᠢᠭᠡ | ᠦᠷᠲᠡᠭᠡ ᠮᠠᠶ᠋ᠢᠭ︾ ᠤᠨ ᠶᠡᠷᠦᠩᠬᠡᠶᠢᠯᠡᠭᠰᠡᠨ ᠦᠢᠯᠡᠴᠢᠯᠡᠭᠡ ᠬᠠᠩᠭᠠᠨ᠎ᠠ᠃ ᠮᠤᠵᠢ ᠤᠷᠤᠨ ᠠᠯᠤᠰᠯᠠᠨ ᠠᠵᠢᠯᠯᠠᠬᠤ ᠬᠠᠳᠤᠬᠤ ᠬᠤᠷᠢᠶᠠᠬᠤ ᠬᠠᠮ ᠮᠠᠰᠢᠨ᠂ | ᠲᠡᠭᠡᠭᠡᠪᠦᠷᠢ ᠶᠢᠨ ᠬᠠᠳᠤᠵᠤ ᠬᠤᠷᠢᠶᠠᠬᠤ ᠬᠠᠮ ᠮᠠᠰᠢᠨ ᠪᠤᠯᠤᠨ ᠴᠢᠬᠢ ᠰᠠᠭᠤᠯᠭᠠᠬᠤ ᠮᠠᠰᠢᠨ ᠤ ᠲᠡᠷᠭᠡ ᠬᠦᠰᠭᠡ ᠨᠡᠪᠲᠡᠷᠡᠬᠦ ᠵᠠᠷᠤᠳᠠᠯ ᠢ ᠦᠷᠭᠦᠯᠵᠢᠯᠡᠨ ᠬᠡᠯᠲᠦᠷᠢᠭᠦᠯᠦᠨ᠎ᠡ | ᠃ ︵ᠥᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠬᠥᠭᠵᠢᠭᠦᠯᠦᠯᠲᠡ ᠪᠠ | ᠦᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠵᠡᠷᠭᠡ | ᠬᠠᠷᠢᠭᠤᠴᠠᠨ᠎ᠠ︶ | ᠵᠢᠷᠭᠤᠭ᠎ᠠ᠂ ᠲᠠᠷᠢᠶᠠᠯᠠᠩ ᠤᠨ ᠮᠠᠰᠢᠨ ᠤ ᠠᠵᠢᠯᠯᠠᠬᠤ ᠰᠠᠭᠤᠷᠢ ᠨᠦᠬᠦᠴᠡᠯ ᠢ ᠦᠷᠭᠦᠯᠵᠢᠯᠡᠨ ᠰᠠᠶᠢᠵᠢᠷᠠᠭᠤᠯᠤᠨ᠎ᠠ | ᠲᠠᠷᠢᠶᠠᠯᠠᠩ ᠤᠨ ᠮᠠᠰᠢᠨ ᠤ ᠠᠵᠢᠯᠯᠠᠬᠤ ᠳᠤ ᠳᠥᠭᠦᠮ ᠦᠵᠡᠭᠦᠯᠬᠦ ᠬᠡᠮᠵᠢᠶ᠎ᠡ ᠪᠠ ᠲᠦᠭᠦᠷ ᠪᠡᠯᠡᠳᠭᠡᠮᠵᠢ ᠶᠢᠨ ᠨᠦᠬᠦᠴᠡᠯ ᠢ ᠰᠠᠶᠢᠵᠢᠷᠠᠭᠤᠯᠤᠨ᠎ᠠ᠃ ᠦᠨᠳᠦᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠬᠦᠳᠡᠭᠡ ᠲᠤᠰᠬᠤᠨ ᠤ ᠭᠠᠵᠠᠷ ᠰᠢᠷᠤᠢ ᠶᠢᠨ ᠶᠡᠷᠦᠩᠬᠡᠶᠢᠯᠡᠭᠰᠡᠨ ᠵᠠᠰᠠᠯᠲᠠ ᠲᠠᠢ ᠤᠶᠠᠯᠳᠤᠭᠤᠯᠵᠤ᠂ | ᠲᠠᠷᠢᠶᠠᠨ ᠵᠠᠮ᠂ ᠭᠠᠵᠠᠷ ᠲᠠᠷᠢᠶᠠᠨ ᠤ ᠶᠡᠭᠡ ᠪᠠᠭ᠎ᠠ ᠬᠢᠭᠡᠳ ᠳᠡᠭᠰᠢᠬᠡᠨ ᠪᠠᠶᠢᠬᠤ ᠬᠡᠮᠵᠢᠶ᠎ᠡ ᠵᠡᠷᠭᠡ ︽ᠮᠧᠬᠠᠨᠢᠬᠵᠢᠭᠤᠯᠬᠤ ᠳᠤ ᠲᠥᠭᠦᠮ ᠪᠣᠯᠭᠠᠬᠤ︾ ᠱᠠᠭᠠᠷᠳᠠᠯᠭ᠎ᠠ ᠶᠢ | ᠲᠤᠳᠤᠷᠬᠠᠶᠢᠯᠠᠨ᠎ᠠ᠃ ᠮᠠᠯᠵᠢᠬᠤ ᠲᠠᠷᠢᠶᠠᠯᠠᠬᠤ ᠤᠷᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠦ᠂ ᠵᠠᠮ ᠲᠣᠣᠷ ᠤᠨ ᠪᠦᠲᠦᠴᠡ ᠶᠢ ᠤᠯᠠᠮ | ᠨᠢᠭᠡ ᠠᠯᠬᠤᠮ ᠳᠡᠭᠦᠯᠳᠡᠷᠵᠢᠭᠦᠯᠵᠣ᠂ ᠲᠠᠷᠢᠶᠠᠯᠠᠩ ᠮᠠᠯ ᠠᠵᠤ ᠠᠬᠤᠢ ᠶᠢᠨ ᠮᠧᠬᠠᠨᠢᠭ ᠤᠨ ᠨᠡᠪᠲᠡᠷᠡᠬᠦ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠤᠨ᠎ᠡ᠃ | ᠲᠦᠬᠦᠭᠡᠷᠦᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠤᠯ ᠴᠤᠭᠴᠠ ᠶᠢᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠬᠡᠷᠡᠭᠯᠡᠬᠦ ᠴᠠᠬᠢᠯᠭᠠᠨ ᠵᠡᠷᠭᠡ ᠶᠢᠨ ᠬᠠᠮᠢᠶ᠎ᠠ ᠪᠦᠬᠦᠢ ᠲᠥᠷᠥ ᠶᠢᠨ 365赢多少钱会被限额_国内有真正的365平台吗_365bet博彩官网 | ᠪᠣᠳᠤᠯᠭ᠎ᠠ ᠶᠢ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠮᠠᠰᠢᠨ ᠤ ᠬᠤᠷᠰᠢᠶᠠᠯᠠᠯ ᠵᠡᠷᠭᠡ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ | ᠦᠢᠯᠡᠳᠪᠦᠷᠢᠯᠡᠯ ᠤᠨ ᠨᠦᠬᠦᠴᠡᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠬᠤᠰᠢᠭᠤ ᠰᠢᠶᠠᠨ ᠤ ᠱᠠᠲᠤᠨ ᠤ ᠨᠢᠭᠡᠲᠦᠯᠲᠡᠢ ᠲᠦᠯᠦᠪᠵᠢᠭᠦᠯᠭᠡ ᠶᠢ ᠴᠢᠩᠭᠠᠳᠬᠠᠵᠤ | ᠂ ᠲᠠᠷᠢᠶᠠᠯᠠᠩ ᠤᠨ ᠮᠠᠰᠢᠨ ᠬᠡᠷᠡᠭᠰᠡᠯ ᠤᠨ ᠬᠠᠳᠠᠭᠠᠯᠠᠨ ᠲᠠᠯᠪᠢᠬᠤ ᠪᠠ ᠰᠡᠯᠪᠢᠨ ᠵᠠᠰᠠᠬᠤ᠂ ᠲᠠᠷᠢᠮᠠᠯ ᠤᠨ ᠴᠢᠬᠢ ᠪᠤᠶᠢᠵᠢᠭᠤᠯᠬᠤ ᠵᠢᠴᠢ ᠲᠠᠷᠢᠶᠠᠯᠠᠩ ᠤᠨ ᠪᠦᠳᠦᠬᠡᠭᠳᠡᠬᠦᠨ ᠢ | ᠭᠠᠷᠤᠯᠲᠠ ᠶᠢᠨ ᠭᠠᠵᠠᠷ ᠲᠤ ᠨᠢ ᠬᠠᠭᠰᠠᠭᠠᠵᠤ ᠬᠠᠲᠠᠭᠠᠬᠤ ᠪᠠ ᠠᠩᠬ᠎ᠠ ᠡᠳ᠋ᠰᠢᠭᠦᠯᠬᠦ ᠵᠡᠷᠭᠡ ᠲᠠᠷᠢᠶᠠᠯᠠᠩ ᠤᠨ ᠮᠠᠰᠢᠨ ᠢᠶᠠᠷ ᠠᠵᠢᠯᠯᠠᠬᠤ ᠦᠢᠯᠡᠴᠢᠯᠡᠭᠡᠨ ᠤ ᠲᠦᠭᠦᠷ | ᠪᠡᠯᠡᠳᠭᠡᠮᠵᠢ ᠶᠢ ᠵᠦᠢ ᠵᠤᠬᠢᠰᠲᠠᠢ ᠪᠠᠶᠢᠷᠢᠰᠢᠭᠤᠯᠤᠨ᠎ᠠ᠃ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠣᠨ ᠤ ᠭᠦᠢᠴᠡᠳᠭᠡᠯ ᠲᠣᠭᠠᠨ ᠳᠤ ᠲᠠᠷᠢᠶᠠᠯᠠᠩ ᠤᠨ | ᠮᠠᠰᠢᠨ ᠤ ᠬᠤᠷᠰᠢᠶᠠᠯᠠᠯ ᠵᠡᠷᠭᠡ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠤᠭᠴᠠ ᠶᠢᠨ ᠬᠡᠷᠡᠭᠯᠡᠬᠦ ᠭᠠᠵᠠᠷ ᠢ ᠡᠩ | ᠲᠡᠷᠢᠭᠦᠨ ᠳᠤ ᠲᠣᠬᠢᠷᠠᠭᠤᠯᠬᠤ ᠶᠢᠨ ᠬᠠᠮᠲᠤ ᠬᠠᠮᠢᠶ᠎ᠠ ᠪᠦᠬᠦᠢ ᠭᠠᠶᠢᠯᠢ ᠵᠠᠷᠤᠳᠠᠯ ᠢ ᠨᠢ ᠲᠤᠭᠲᠠᠭᠠᠯ ᠶᠤᠰᠤᠭᠠᠷ ᠬᠠᠰᠤᠵᠤ ᠬᠡᠯᠲᠦᠷᠢᠭᠦᠯᠦᠨ᠎ᠡ᠃ ᠨᠦᠬᠦᠴᠡᠯ ᠲᠠᠢ ᠭᠠᠵᠠᠷ | ᠤᠷᠤᠨ ᠨᠢ ᠳᠡᠯᠭᠡᠨ ᠬᠠᠲᠠᠭᠠᠬᠤ ᠲᠠᠯᠠᠪᠠᠢ᠂ ᠬᠠᠭᠰᠠᠭᠠᠵᠤ ᠬᠠᠲᠠᠭᠠᠬᠤ ᠲᠦᠭᠦᠬᠡᠷᠦᠮᠵᠢ᠂ ᠮᠠᠰᠢᠨ ᠬᠡᠷᠡᠭᠰᠡᠯ ᠤᠨ ᠫᠧᠩ ᠬᠦᠮᠦᠷᠭᠡ ᠵᠡᠷᠭᠡ ᠲᠦᠭᠦᠷ ᠪᠡᠯᠡᠳᠭᠡᠮᠵᠢ ᠶᠢ | ᠦᠨᠳᠦᠷ ᠪᠠᠷᠢᠮᠵᠢᠶᠠᠳᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶᠡᠨ ᠳᠤ ᠣᠷᠤᠭᠤᠯᠵᠤ ᠪᠣᠯᠤᠨ᠎ᠠ᠃ ᠲᠠᠷᠢᠶᠠᠯᠠᠩ ᠤᠨ ᠮᠠᠰᠢᠨ ᠤ ᠠᠶᠤᠯ | ᠦᠭᠡᠢ ᠶᠢᠨ ᠬᠢᠨᠠᠨ ᠬᠠᠮᠢᠶᠠᠷᠬᠤ ᠡᠩᠨᠡᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠯᠠᠩ ᠤᠨ ᠮᠠᠰᠢᠨ ᠤ ᠠᠶᠤᠯ ᠦᠭᠡᠢ ᠶᠢᠨ ᠬᠠᠤᠯᠢ ᠬᠡᠷᠡᠭᠵᠢᠭᠦᠯᠬᠦ | ᠴᠢᠳᠠᠪᠤᠷᠢ ᠶᠢ ᠳᠡᠭᠡᠭᠰᠢᠯᠡᠭᠦᠯᠦᠨ᠎ᠡ᠃ | ︵ᠥᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠬᠥᠭᠵᠢᠭᠦᠯᠦᠯᠲᠡ ᠪᠠ | ᠦᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ | ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠤᠪᠴᠢᠶ᠎ᠠ ᠵᠡᠷᠭᠡ ᠬᠠᠷᠢᠭᠤᠴᠠᠨ᠎ᠠ︶ | ᠳᠤᠯᠤᠭ᠎ᠠ᠂ ᠲᠠᠷᠢᠶᠠᠯᠠᠩ ᠤᠨ ᠮᠠᠰᠢᠨ ᠤ ᠴᠢᠳᠠᠪᠤᠷᠢᠲᠠᠨ ᠢ ᠬᠦᠮᠦᠵᠢᠭᠦᠯᠬᠦ ᠶᠢ ᠦᠨᠡᠨ ᠬᠦ ᠴᠢᠩᠭᠠᠳᠬᠠᠨ᠎ᠠ | ︵ᠨᠢᠭᠡ︶ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠢᠨᠵᠧᠨᠧᠷᠢᠩ ᠤᠨ ᠴᠢᠳᠠᠪᠤᠷᠢᠲᠠᠨ ᠬᠦᠮᠦᠵᠢᠭᠦᠯᠬᠦ ᠰᠢᠰᠲ᠋ᠧᠮᠵᠢ ᠶᠢ ᠪᠦᠷᠢᠨᠰᠢᠭᠦᠯᠦᠨ᠎ᠡ᠃ | ᠥᠪᠡᠷᠲᠡᠭᠡᠨ ᠵᠠᠰᠠᠬᠤ ᠣᠷᠤᠨ ᠤ ᠳᠡᠭᠡᠳᠦ ᠰᠤᠷᠭᠠᠭᠤᠯᠢ ᠶᠡᠭᠡ ᠰᠤᠷᠭᠠᠭᠤᠯᠢ ᠶᠢ ᠬᠦᠲᠦᠯᠦᠨ ᠵᠢᠯᠤᠭᠤᠳᠴᠦ ᠪᠠᠶᠢᠭᠠᠳ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ | ᠬᠢᠴᠢᠶᠡᠯ ᠢ ᠢᠳᠡᠪᠬᠢᠲᠡᠢ ᠲᠣᠬᠢᠷᠠᠭᠤᠯᠵᠤ᠂ ᠰᠢᠨ᠎ᠡ ᠶᠢ ᠡᠭᠦᠳᠬᠦ ᠬᠡᠯᠪᠡᠷᠢ ᠶᠢᠨ ᠬᠡᠷᠡᠭᠯᠡᠭᠡᠨ ᠤ ᠬᠡᠯᠪᠡᠷᠢ ᠶᠢᠨ ᠬᠠᠮ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ | ᠮᠧᠬᠠᠨᠢᠬᠵᠢᠭᠤᠯᠤᠯᠲᠠ ᠶᠢᠨ ᠴᠢᠳᠠᠪᠤᠷᠢᠲᠠᠨ ᠢ ᠬᠦᠮᠦᠵᠢᠭᠦᠯᠤᠨᠡ᠃ ᠳᠡᠭᠡᠳᠦ ᠰᠤᠷᠭᠠᠭᠤᠯᠢ ᠶᠡᠭᠡ ᠰᠤᠷᠭᠠᠭᠤᠯᠢ ᠶᠢᠨ ᠬᠢᠨ ᠤ ᠲᠠᠷᠢᠶᠠᠯᠠᠩ ᠮᠠᠯ ᠠᠵᠤ ᠠᠬᠤᠢ ᠶᠢᠨ | ᠢᠨᠵᠧᠨᠧᠷᠢᠩ ᠤᠨ ᠲᠥᠷᠥᠯ ᠤᠨ ᠳᠤᠰᠬᠠᠢ ᠮᠡᠷᠭᠡᠵᠢᠯ ᠤᠨ ᠰᠤᠷᠤᠭᠴᠢ ᠡᠯᠰᠡᠬᠦ ᠶᠢ ᠳᠡᠮᠵᠢᠵᠦ᠂ ᠠᠰᠫᠢᠷᠠᠨᠲ᠂ ᠳ᠋ᠣᠺᠲ᠋ᠣᠷᠠᠨᠲ ᠬᠦᠮᠦᠵᠢᠭᠦᠯᠬᠦ ᠬᠡᠪᠴᠢᠶ᠎ᠡ ᠶᠢ | ᠦᠷᠭᠡᠳᠭᠡᠵᠦ᠂ ᠬᠦᠮᠦᠵᠢᠭᠦᠯᠬᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠲᠠᠷᠢᠶᠠᠯᠠᠩ ᠣᠢ ᠰᠢᠭᠤᠢ ᠶᠢᠨ ᠭᠠᠷᠮᠠᠭᠠᠢ ᠴᠢᠳᠠᠪᠤᠷᠢᠲᠠᠨ᠂ ᠭᠠᠷᠮᠠᠭᠠᠢ ᠢᠨᠵᠧᠨᠧᠷ ᠢ | ᠬᠦᠮᠦᠵᠢᠭᠦᠯᠦᠨ ᠪᠤᠶᠢᠵᠢᠭᠤᠯᠬᠤ ᠲᠦᠯᠦᠪᠵᠢᠭᠦᠯᠭᠡ ᠶᠢᠨ ᠲᠠᠷᠢᠶᠠᠯᠠᠩ ᠤᠨ ᠮᠠᠰᠢᠨ ᠤ ᠴᠢᠳᠠᠪᠤᠷᠢᠲᠠᠨ ᠳᠤ ᠦᠵᠡᠭᠦᠯᠬᠦ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ | ᠲᠠᠷᠢᠶᠠᠯᠠᠩ ᠰᠢᠨᠵᠢᠯᠡᠬᠦ ᠤᠬᠠᠭᠠᠨ ᠰᠤᠷᠭᠠᠨ ᠬᠦᠮᠦᠵᠢᠯ ᠤᠨ ᠨᠢᠭᠡ ᠴᠣᠭᠴᠠᠵᠢᠭᠤᠯᠤᠭᠰᠠᠨ ᠬᠦᠭᠵᠢᠯᠲᠡ ᠶᠢ ᠠᠬᠢᠭᠤᠯᠤᠨ᠎ᠠ᠃ ᠠᠵᠤ ᠦᠢᠯᠡᠰ ᠬᠢᠭᠡᠳ ᠵᠢᠭᠠᠨ | ᠰᠤᠷᠭᠠᠯᠲᠠ ᠶᠢᠨ ᠠᠭᠤᠰᠤᠯᠴᠠᠯ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢᠨ ᠬᠡᠷᠡᠭᠵᠢᠭᠦᠯᠦᠯᠲᠡ ᠶᠢ ᠠᠬᠢᠭᠤᠯᠵᠤ᠂ ᠲᠠᠷᠢᠶᠠᠯᠠᠩ ᠤᠨ ᠮᠠᠰᠢᠨ ᠤ 365赢多少钱会被限额_国内有真正的365平台吗_365bet博彩官网 | ᠳᠠᠪᠠᠭᠤᠯᠢᠭ ᠠᠵᠤ ᠠᠬᠤᠶᠢᠯᠠᠯ ᠤᠳ ᠤᠨ ᠰᠤᠷᠭᠠᠭᠤᠯᠢ ᠯᠤᠭ᠎ᠠ ᠢᠨᠵᠧᠨᠧᠷᠢᠩ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ᠂ ᠦᠢᠯᠡᠳᠦᠯᠭᠡ ᠶᠢᠨ ᠰᠠᠭᠤᠷᠢᠨ ᠭᠠᠵᠠᠷ᠂ | ᠪᠤᠲᠠᠲᠠᠢ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠬᠠᠮᠲᠤ ᠪᠠᠷ ᠪᠠᠶᠢᠭᠤᠯᠵᠤ ᠬᠠᠮᠲᠤ ᠪᠠᠷ ᠬᠦᠷᠳᠡᠯᠴᠡᠬᠦ ᠶᠢ ᠳᠡᠮᠵᠢᠨ᠎ᠡ᠃ ᠲᠠᠷᠢᠶᠠᠯᠠᠩ ᠤᠨ ᠮᠠᠰᠢᠨ ᠤ | ᠴᠢᠳᠠᠪᠤᠷᠢᠲᠠᠨ ᠤ ᠣᠯᠠᠨ ᠤᠯᠤᠰ ᠤᠨ ᠰᠤᠯᠢᠯᠴᠠᠭ᠎ᠠ ᠬᠠᠮᠲᠤᠷᠠᠯᠴᠠᠭ᠎ᠠ ᠬᠢᠬᠦ ᠶᠢ ᠵᠣᠷᠢᠬᠵᠢᠭᠤᠯᠤᠨ᠎ᠠ᠃ ︵ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ | ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ | ᠵᠡᠷᠭᠡ ᠬᠠᠷᠢᠭᠤᠴᠠᠨ᠎ᠠ︶ | ︵ᠬᠤᠶᠠᠷ︶ ᠲᠠᠷᠢᠶᠠᠯᠠᠩ ᠤᠨ ᠮᠠᠰᠢᠨ ᠤ ᠪᠣᠳᠠᠳᠤ ᠬᠡᠷᠡᠭᠯᠡᠭᠡᠨ ᠤ ᠬᠡᠯᠪᠡᠷᠢ ᠶᠢᠨ ᠴᠢᠳᠠᠪᠤᠷᠢᠲᠠᠨ ᠢ ᠬᠦᠮᠦᠵᠢᠭᠦᠯᠬᠦ ᠶᠢ ᠴᠢᠬᠤᠯᠠᠴᠢᠯᠠᠨ᠎ᠠ᠃ ᠰᠢᠨ᠎ᠡ ᠬᠡᠯᠪᠡᠷᠢ ᠶᠢᠨ | ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ ᠬᠦᠮᠦᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠲᠠᠷᠢᠶᠠᠯᠠᠩ ᠤᠨ ᠮᠠᠰᠢᠨ ᠤ ᠲᠣᠮᠣ ᠡᠷᠦᠬᠡ᠂ ᠲᠠᠷᠢᠶᠠᠯᠠᠩ ᠤᠨ | ᠮᠠᠰᠢᠨ ᠤ ᠬᠤᠷᠰᠢᠶᠠᠯᠠᠯ ᠤᠨ ᠳᠠᠭᠠᠭᠤᠯᠤᠭᠴᠢ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠡ᠃ ᠲᠠᠷᠢᠶᠠᠯᠠᠩ ᠤᠨ ᠮᠠᠰᠢᠨ ᠤ ᠠᠵᠢᠯ ᠮᠡᠷᠭᠡᠵᠢᠯ ᠤᠷ᠎ᠠ ᠴᠢᠳᠠᠪᠤᠷᠢ ᠶᠢ | ᠨᠡᠭᠡᠭᠡᠨ ᠬᠦᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠲᠠᠷᠢᠶᠠᠯᠠᠩ ᠤᠨ ᠮᠠᠰᠢᠨ ᠢ ᠦᠢᠯᠡᠳᠪᠦᠷᠢᠯᠡᠬᠦ᠂ ᠰᠡᠯᠪᠢᠨ ᠵᠠᠰᠠᠬᠤ ᠵᠢᠴᠢ ᠬᠡᠷᠡᠭᠯᠡᠬᠦ ᠡᠮᠦᠨ᠎ᠡ ᠹᠷᠤᠨᠲ ᠲᠤ | ᠠᠵᠢᠯᠯᠠᠵᠤ ᠪᠠᠶᠢᠭ᠎ᠠ ᠨᠢᠭᠡ ᠪᠦᠯᠦᠭ ᠮᠡᠷᠭᠡᠵᠢᠯ ᠤᠨ ᠴᠢᠳᠠᠪᠤᠷᠢᠲᠠᠨ ᠢ ᠰᠢᠯᠢᠨ ᠰᠤᠩᠭᠤᠬᠤ ᠪᠠ ᠬᠦᠮᠦᠵᠢᠭᠦᠯᠦᠨ᠎ᠡ᠃ ᠦᠢᠯᠡᠴᠢᠯᠡᠭᠡ ᠬᠤᠳᠠᠯᠳᠤᠨ ᠠᠪᠬᠤ᠂ ᠲᠦᠷᠦᠯ | ᠵᠦᠢᠯ ᠢ ᠳᠡᠮᠵᠢᠬᠦ ᠵᠡᠷᠭᠡ ᠬᠡᠯᠪᠡᠷᠢ ᠮᠠᠶ᠋ᠢᠭ ᠢᠶᠠᠷ ᠳᠠᠮᠵᠢᠵᠦ᠂ ᠲᠠᠷᠢᠶᠠᠯᠠᠩ ᠤᠨ ᠮᠠᠰᠢᠨ ᠦᠢᠯᠡᠳᠪᠦᠷᠢᠯᠡᠬᠦ ᠠᠵᠤ ᠠᠬᠤᠶᠢᠯᠠᠯ᠂ ᠲᠠᠷᠢᠶᠠᠯᠠᠩ ᠤᠨ ᠮᠠᠰᠢᠨ ᠤ | ᠬᠤᠷᠰᠢᠶᠠᠯᠠᠯ ᠤᠨ ᠲᠠᠷᠢᠶᠠᠯᠠᠩ ᠤᠨ ᠮᠠᠰᠢᠨ ᠤ ᠪᠤᠳᠠᠳᠤ ᠬᠡᠷᠡᠭᠯᠡᠭᠡᠨ ᠤ ᠤᠷ᠎ᠠ ᠴᠢᠳᠠᠪᠤᠷᠢᠲᠤ ᠴᠢᠳᠠᠪᠤᠷᠢᠲᠠᠨ ᠬᠦᠮᠦᠵᠢᠭᠦᠯᠬᠦ ᠶᠢ ᠳᠡᠮᠵᠢᠨ᠎ᠡ᠃ ᠦᠨᠳᠦᠰᠦᠨ ᠱᠠᠲᠤᠨ ᠤ | ᠲᠠᠷᠢᠶᠠᠯᠠᠩ ᠤᠨ ᠮᠠᠰᠢᠨ ᠢ ᠳᠡᠯᠭᠡᠷᠡᠭᠦᠯᠦᠭᠴᠢ ᠶᠢᠨ ᠠᠵᠢᠯ ᠤᠨ ᠪᠠᠶᠢᠷᠢ ᠶᠢᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠪᠠ ᠮᠡᠳᠡᠯᠭᠡ ᠶᠢᠨ ᠰᠢᠨᠡᠴᠢᠯᠡᠯ ᠢ ᠴᠢᠩᠭᠠᠳᠬᠠᠵᠤ᠂ | ᠲᠠᠷᠢᠶᠠᠯᠠᠩ ᠮᠠᠯ ᠠᠵᠤ ᠠᠬᠤᠢ ᠶᠢ ᠣᠶᠢᠯᠠᠭᠠᠬᠤ᠂ ᠮᠠᠯᠵᠢᠬᠤ ᠲᠠᠷᠢᠶᠠᠯᠠᠬᠤ ᠤᠷᠤᠨ ᠳᠤ ᠬᠠᠶᠢᠷᠠᠲᠠᠢ ᠪᠦᠭᠡᠳ ᠮᠠᠯᠴᠢᠨ ᠲᠠᠷᠢᠶᠠᠴᠢᠳ ᠢ ᠲᠤᠳᠤᠨᠤᠴᠢᠯᠠᠨ ᠰᠠᠨᠠᠬᠤ ᠨᠢᠭᠡᠨ | ᠰᠠᠯᠠᠭ᠎ᠠ ᠴᠢᠳᠠᠪᠤᠷᠢᠲᠠᠨ ᠤ ᠡᠩᠨᠡᠭᠡ ᠶᠢ ᠪᠠᠶᠢᠭᠤᠯᠤᠨ᠎ᠠ᠃ ︵ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠵᠡᠷᠭᠡ ᠬᠠᠷᠢᠭᠤᠴᠠᠨ᠎ᠠ︶ | ᠨᠠᠢᠮᠠ᠂ ᠵᠤᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠨ᠎ᠠ | ︵ᠨᠢᠭᠡ︶ ᠵᠤᠬᠢᠶᠠᠨ ᠪᠠᠶᠢᠭᠤᠯᠵᠤ ᠬᠡᠷᠡᠭᠵᠢᠭᠦᠯᠬᠦ ᠲᠤᠭᠲᠠᠴᠠ ᠶᠢ ᠪᠦᠷᠢᠨᠰᠢᠭᠦᠯᠦᠨ᠎ᠡ᠃ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ | ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠢᠶᠠᠷ ᠲᠦᠷᠦᠭᠦᠯᠡᠭᠰᠡᠨ᠂ ᠬᠤᠯᠪᠤᠭᠳᠠᠯ ᠪᠦᠬᠦᠢ | ᠰᠠᠯᠠᠭ᠎ᠠ ᠮᠦᠴᠢᠷ ᠤᠳ ᠣᠷᠤᠯᠴᠠᠭᠰᠠᠨ ᠥᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠮᠧᠬᠠᠨᠢᠬᠵᠢᠭᠤᠯᠤᠯᠲᠠ ᠶᠢᠨ ᠬᠦᠭᠵᠢᠯᠲᠡ ᠶᠢ | ᠵᠣᠬᠢᠴᠠᠭᠤᠯᠤᠨ ᠠᠬᠢᠭᠤᠯᠬᠤ ᠲᠤᠭᠲᠠᠴᠠ ᠶᠢ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠮᠧᠬᠠᠨᠢᠬᠵᠢᠭᠤᠯᠤᠯᠳᠠ ᠪᠠ ᠲᠠᠷᠢᠶᠠᠯᠠᠩ ᠤᠨ ᠮᠠᠰᠢᠨ ᠤ ᠲᠤᠨᠤᠭ | ᠲᠦᠬᠦᠭᠡᠷᠦᠮᠵᠢ ᠶᠢᠨ ᠠᠵᠤ ᠦᠢᠯᠡᠰ ᠤᠨ ᠬᠦᠭᠵᠢᠯᠲᠡ ᠶᠢᠨ ᠠᠵᠢᠯ ᠢ ᠨᠢᠭᠡᠳᠦᠯᠲᠡᠢ ᠵᠣᠬᠢᠴᠠᠭᠤᠯᠵᠤ᠂ ᠳᠤᠪᠤᠶᠢᠮ᠎ᠠ ᠠᠰᠠᠭᠤᠳᠠᠯ ᠢ ᠰᠢᠯᠤᠭᠤᠳᠬᠠᠨ ᠰᠢᠢᠳᠪᠦᠷᠢᠯᠡᠵᠣ᠂ | ᠪᠠᠶᠢᠯᠳᠤᠬᠤ ᠪᠣᠳᠤᠯᠭ᠎ᠠ ᠶᠢᠨ ᠤᠬᠠᠭᠠᠯᠠᠨ ᠲᠦᠯᠦᠪᠯᠡᠬᠦ ᠪᠠ ᠠᠵᠢᠯ ᠤᠨ ᠵᠢᠯᠤᠭᠤᠳᠤᠯᠭ᠎ᠠ ᠶᠢ ᠴᠢᠩᠭᠠᠳᠬᠠᠵᠤ᠂ ᠬᠦᠭᠵᠢᠯᠲᠡ ᠶᠢᠨ ᠶᠠᠪᠤᠴᠠ ᠳᠠᠬᠢ ᠬᠠᠷᠰᠢ ᠰᠠᠭᠠᠳ ᠢ | ᠠᠷᠢᠯᠭᠠᠨ᠎ᠠ᠃ ᠴᠢᠬᠤᠯᠠ ᠶᠡᠭᠡ ᠠᠰᠠᠭᠤᠳᠠᠯ ᠢ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠳᠤ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ᠃ | ︵ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ ᠠᠴᠠ ᠲᠦᠷᠦᠭᠦᠯᠡᠨ ᠬᠢᠵᠦ ᠬᠠᠷᠢᠭᠤᠴᠠᠨ᠎ᠠ︶ | ︵ᠬᠤᠶᠠᠷ︶ ᠤᠷᠤᠨ ᠨᠤᠲᠤᠭ ᠤᠨ ᠵᠠᠰᠠᠭ ᠤᠨ ᠣᠷᠳᠤᠨ ᠤ ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠤᠨ ᠨᠢ ᠲᠠᠷᠢᠶᠠᠯᠠᠩ ᠮᠠᠯ ᠠᠵᠤ ᠠᠬᠤᠢ ᠶᠢᠨ ᠮᠧᠬᠠᠨᠢᠬᠵᠢᠭᠤᠯᠬᠤ ᠪᠠ ᠲᠠᠷᠢᠶᠠᠯᠠᠩ ᠤᠨ ᠮᠠᠰᠢᠨ ᠤ ᠲᠣᠨᠤᠭ ᠲᠦᠬᠦᠭᠡᠷᠦᠮᠵᠢ ᠶᠢᠨ ᠠᠵᠤ | ᠦᠢᠯᠡᠰ ᠤᠨ ᠬᠡᠯᠪᠡᠷᠢ ᠶᠢ ᠨᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠬᠤ ᠶᠢᠨ ᠴᠢᠬᠤᠯᠠ ᠠᠴᠢ ᠬᠤᠯᠪᠤᠭᠳᠠᠯ ᠢ ᠭᠦᠢᠴᠡᠳ ᠲᠠᠨᠢᠵᠤ᠂ ᠲᠡᠭᠦᠨ ᠢ ᠬᠦᠳᠡᠭᠡ | ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠤᠯᠭ᠎ᠠ ᠶᠢ ᠬᠡᠷᠡᠭᠵᠢᠭᠦᠯᠬᠦ ᠪᠠ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠤᠨ ᠤ | ᠤᠳᠤᠬᠢᠴᠢᠯᠠᠯᠲᠠ ᠶᠢ ᠠᠬᠢᠭᠤᠯᠬᠤ ᠶᠢᠨ ᠴᠢᠬᠤᠯᠠ ᠠᠭᠤᠯᠭ᠎ᠠ ᠪᠣᠯᠭᠠᠵᠤ᠂ ᠲᠤᠰ ᠭᠠᠵᠠᠷ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠲᠦᠯᠦᠪᠵᠢᠭᠦᠯᠭᠡ | ᠪᠠ ᠡᠳᠦᠷ ᠲᠤᠳᠤᠮ ᠤᠨ ᠵᠦᠪᠯᠡᠬᠦ ᠵᠦᠢᠯ ᠳᠤ ᠤᠷᠤᠭᠤᠯᠵᠤ᠂ ᠪᠤᠲᠠᠲᠠᠢ ᠲᠠᠢ ᠪᠠᠨ ᠤᠶᠠᠯᠳᠤᠭᠤᠯᠵᠤ ᠪᠠᠶᠢᠭᠠᠳ ᠦᠨᠡᠨ ᠬᠦ ᠶᠠᠪᠤᠭᠳᠠᠭᠤᠰᠢᠲᠠᠢ ᠠᠵᠢᠯ ᠤᠨ ᠠᠷᠭ᠎ᠠ | ᠬᠡᠮᠵᠢᠶ᠎ᠡ ᠶᠢ ᠲᠤᠭᠲᠠᠭᠠᠨ᠎ᠠ᠃ ᠬᠠᠮᠵᠢᠯᠴᠠᠨ ᠠᠬᠢᠭᠤᠯᠬᠤ ᠲᠤᠭᠲᠠᠴᠠ ᠶᠢ ᠪᠠᠶᠢᠭᠤᠯᠵᠤ᠂ ᠰᠠᠯᠠᠭ᠎ᠠ ᠮᠦᠴᠢᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ | ᠵᠠᠷᠤᠳᠠᠯ ᠤᠨ ᠪᠠᠳᠤᠯᠠᠭ᠎ᠠ ᠶᠢ ᠴᠢᠩᠭᠠᠳᠬᠠᠨ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠦᠨ᠎ᠡ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠤᠨ ᠬᠠᠷᠢᠭᠤᠴᠠᠨ᠎ᠠ︶ | ︵ᠭᠤᠷᠪᠠ︶ ᠵᠠᠰᠠᠭ ᠤᠨ ᠤᠷᠳᠤᠨ ᠪᠤᠯᠤᠨ ᠵᠠᠬ᠎ᠠ ᠳᠡᠯᠭᠡᠭᠦᠷ ᠤᠨ ᠰᠠᠶᠢᠨ ᠦᠢᠯᠡᠳᠦᠯᠴᠡᠯ ᠢ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ | ᠮᠧᠬᠠᠨᠢᠬᠵᠢᠭᠤᠯᠤᠯᠳᠠ ᠶᠢ ᠠᠬᠢᠭᠤᠯᠬᠤ ᠶᠠᠪᠤᠴᠠ ᠳᠠᠬᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠤ ᠬᠦᠲᠦᠯᠦᠨ ᠵᠢᠯᠤᠭᠤᠳᠬᠤ ᠦᠢᠯᠡᠳᠦᠯ ᠢ ᠭᠦᠢᠴᠡᠳ | ᠪᠠᠳᠠᠷᠠᠭᠤᠯᠵᠤ᠂ ᠭᠤᠣᠯᠳᠠᠭᠤ ᠣᠯᠠᠨ ᠨᠡᠶᠢᠲᠡ ᠶᠢᠨ ᠦᠢᠯᠡᠴᠢᠯᠡᠭᠡ ᠵᠡᠷᠭᠡ ᠲᠠᠯ᠎ᠠ ᠪᠠᠷ ᠳᠡᠮᠵᠢᠯᠭᠡ ᠦᠵᠡᠭᠦᠯᠵᠦ᠂ ᠵᠠᠬ᠎ᠠ ᠳᠡᠯᠭᠡᠭᠦᠷ ᠲᠤ ᠨᠡᠩ ᠣᠯᠠᠨ ᠬᠦᠭᠵᠢᠯᠲᠡ ᠶᠢᠨ | ᠣᠷᠤᠨ ᠵᠠᠢ ᠶᠢ ᠪᠦᠷᠢᠯᠳᠦᠭᠦᠯᠵᠦ ᠥᠭᠭᠦᠨ᠎ᠡ᠃ ᠲᠠᠷᠢᠶᠠᠯᠠᠩ ᠤᠨ ᠮᠠᠰᠢᠨ ᠤ ᠲᠣᠨᠤᠭ ᠲᠦᠬᠦᠭᠡᠷᠦᠮᠵᠢ ᠶᠢᠨ ᠠᠵᠤ ᠦᠢᠯᠡᠰ ᠪᠠ ᠲᠠᠷᠢᠶᠠᠯᠠᠩ ᠮᠠᠯ ᠠᠵᠤ ᠠᠬᠤᠢ ᠶᠢᠨ | ᠮᠧᠬᠠᠨᠢᠬᠵᠢᠭᠤᠯᠤᠯᠲᠠ ᠶᠢᠨ ᠬᠠᠮᠢᠶᠠᠷᠤᠯᠲᠠ ᠶᠢᠨ ᠬᠦᠷᠢᠶ᠎ᠡ ᠴᠠᠷᠠᠭᠠᠨ ᠳᠠᠬᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ | ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠤᠭᠴᠠ ᠶᠢᠨ ᠢᠳᠡᠪᠬᠢ ᠴᠢᠨᠠᠷ᠂ ᠰᠠᠨᠠᠭᠠᠴᠢᠯᠠᠭᠠᠲᠤ ᠴᠢᠨᠠᠷ ᠪᠠ ᠡᠭᠦᠳᠦᠨ ᠪᠦᠲᠦᠭᠡᠬᠦ ᠴᠢᠨᠠᠷ ᠢ ᠳᠠᠶᠢᠴᠢᠯᠠᠨ᠎ᠠ᠃ | ᠠᠵᠢᠯ ᠲᠥᠷᠥᠯ ᠤᠨ ᠪᠡᠶ᠎ᠡ ᠪᠠᠨ ᠱᠠᠭᠠᠷᠳᠠᠬᠤ᠂ ᠮᠡᠳᠡᠭᠡ ᠵᠠᠩᠭᠢ ᠰᠤᠯᠢᠯᠴᠠᠬᠤ ᠵᠡᠷᠭᠡ ᠲᠠᠯ᠎ᠠ ᠪᠠᠷ ᠬᠢ ᠠᠵᠢᠯ ᠲᠥᠷᠥᠯ ᠤᠨ ᠨᠡᠶᠢᠭᠡᠮᠯᠢᠭ ᠤᠨ ᠦᠢᠯᠡᠳᠦᠯ ᠢ ᠨᠢ ᠭᠦᠢᠴᠡᠳ | ᠪᠠᠳᠠᠷᠠᠭᠤᠯᠵᠤ᠂ ᠠᠵᠢᠯ ᠲᠥᠷᠥᠯ ᠤᠨ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠬᠦ ᠶᠢ ᠦᠢᠯᠡᠴᠢᠯᠡᠬᠦ ᠶᠢᠨ ᠬᠠᠮᠲᠤ ᠬᠦᠲᠦᠯᠦᠨ ᠵᠢᠯᠤᠭᠤᠳᠤᠨ᠎ᠠ᠃ ᠶᠠᠷᠢᠶ᠎ᠠ | ᠬᠡᠯᠡᠯᠴᠡᠭᠡ ᠶᠢ ᠬᠦᠲᠦᠯᠦᠨ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠢ ᠶᠢᠨ ᠮᠧᠬᠠᠨᠢᠬᠵᠢᠭᠤᠯᠬᠤ ᠪᠠ ᠲᠠᠷᠢᠶᠠᠯᠠᠩ ᠤᠨ ᠮᠠᠰᠢᠨ ᠤ ᠲᠣᠨᠤᠭ ᠲᠦᠬᠦᠭᠡᠷᠦᠮᠵᠢ ᠶᠢᠨ | ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠬᠦᠯᠬᠦ ᠶᠢ ᠲᠦᠷᠭᠡᠳᠭᠡᠨ ᠠᠬᠢᠭᠤᠯᠬᠤ ᠰᠠᠶᠢᠨ ᠰᠠᠶᠢᠬᠠᠨ ᠣᠷᠴᠢᠨ ᠠᠬᠤᠢ ᠶᠢ ᠴᠢᠷᠮᠠᠶᠢᠨ ᠪᠣᠢ ᠪᠣᠯᠭᠠᠨ᠎ᠠ | ᠃ ︵ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ ᠵᠡᠷᠭᠡ ᠬᠠᠷᠢᠭᠤᠴᠠᠨ᠎ᠠ︶ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |