1 ᠳ᠋ᠦ᠋ᠭᠡᠷ ᠰᠠᠷ᠎ᠠ ᠶᠢᠨ 17 ᠤ ᠡᠳᠦᠷ᠂ ᠪᠥᠬᠦ ᠣᠷᠣᠨ ᠤ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠠᠵᠢᠯ ᠤᠨ ᠬᠤᠷᠠᠯ ᠬᠥᠬᠡᠬᠤᠲᠠ ᠳᠤ | ᠬᠤᠷᠠᠯᠳᠤᠪᠠ᠂ ᠬᠤᠷᠠᠯ ᠠᠴᠠ ᠪᠥᠬᠦ ᠤᠯᠤᠰ ᠤᠨ ᠬᠤᠳᠠᠯᠳᠤᠭᠠᠨ ᠤ ᠶᠠᠪᠤᠳᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ 2019 ᠣᠨ ᠤ | ᠠᠵᠢᠯ ᠢ ᠳ᠋ᠦᠩᠨᠡᠵᠦ᠂ ᠪᠠᠶᠢᠳᠠᠯ ᠢ ᠵᠠᠳᠠᠯᠤᠨ ᠲᠤᠷᠰᠢᠯᠭ᠎ᠠ ᠪᠠᠨ ᠰᠣᠯᠢᠯᠴᠠᠵᠤ᠂ 2020 ᠣᠨ ᠤ ᠠᠵᠢᠯ ᠢ ᠪᠠᠶᠢᠷᠢᠯᠠᠭᠤᠯᠪᠠ᠃ | 2019 ᠣᠨ ᠤ ᠪᠥᠬᠦ ᠣᠷᠣᠨ ᠤ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠠᠵᠢᠯ ᠳᠤ | ︽ᠪᠠᠬᠢᠵᠢᠭᠦᠯᠬᠦ᠂ ᠴᠢᠩᠭᠠᠷᠠᠭᠤᠯᠬᠤ᠂ ᠳᠡᠭᠡᠭᠰᠢᠯᠡᠭᠦᠯᠬᠦ᠂ ᠰᠠᠭᠠᠳ ᠥᠬᠡᠶ ᠨᠡᠪᠲᠡᠷᠡᠭᠦᠯᠬᠦ︾ ᠴᠢᠭᠯᠡᠯᠲᠡ ᠶᠢ ᠪᠠᠷᠢᠮᠲᠠᠯᠠᠵᠤ᠂ ᠠᠵᠢᠯᠯᠠᠭᠠᠨ ᠶᠡᠷᠦᠩᠬᠡᠶ ᠳᠤ ᠪᠠᠨ | ᠲᠣᠭᠲᠠᠭᠤᠨ ᠪᠣᠯᠵᠠᠢ᠃ ᠵᠢᠱᠢᠯᠲᠡ ᠪᠠᠷ ᠪᠥᠬᠦ ᠵᠢᠯ ᠤᠨ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠠᠳᠠᠯᠢ ᠬᠤᠭᠤᠴᠠᠭᠠᠨ | ᠤ ᠬᠢ ᠠᠴᠠ 4.1% ᠪᠠᠷ ᠨᠡᠮᠡᠭᠳᠡᠵᠦ᠂ ᠰᠦᠯᠵᠢᠶ᠎ᠡ ᠪᠠᠷ ᠵᠢᠵᠢᠭᠯᠡᠨ ᠬᠤᠳᠠᠯᠳᠤᠭᠰᠠᠨ ᠠᠷᠠᠯᠵᠢᠶᠠᠨ ᠤ ᠲᠤᠭ᠎ᠠ 490 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 20% ᠣᠷᠴᠢᠮ ᠨᠡᠮᠡᠭᠳᠡᠪᠡ︔ ᠭᠠᠳᠠᠭᠠᠳᠤ ᠠᠷᠠᠯᠵᠢᠶ᠎ᠠ ᠲᠣᠭᠲᠠᠭᠤᠨ ᠪᠠᠶᠢᠬᠤ ᠶᠢᠨ ᠵᠡᠷᠭᠡ ᠳᠤ ᠠᠬᠢᠯᠲᠠ ᠲᠠᠢ ᠪᠣᠯᠵᠣ᠂ ᠪᠥᠬᠦ | ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ ᠨᠡᠶᠢᠲᠡ 1095.7 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 5.9% ᠪᠠᠷ ᠨᠡᠮᠡᠭᠳᠡᠪᠡ︔ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠰᠢᠰᠲ᠋ᠧᠮ ᠤᠨ ᠪᠣᠳᠠᠲᠠᠶ | ᠬᠡᠷᠡᠭᠯᠡᠭᠰᠡᠨ ᠭᠠᠳᠠᠭᠠᠳᠤ ᠪᠡᠯᠡ 20.61 ᠳ᠋ᠦᠩᠰᠢᠭᠤᠷ ᠳ᠋ᠣᠯᠯᠠᠷ ᠲᠤ ᠬᠦᠷᠴᠦ᠂ ᠰᠢᠶᠠᠩᠭᠠᠩ ᠮᠥᠨ ᠯᠡ ᠭᠠᠳᠠᠭᠠᠳᠤ ᠬᠤᠳᠠᠯᠳᠤᠭᠠᠴᠢᠨ ᠤ ᠪᠠᠯᠠ ᠣᠷᠣᠭᠤᠯᠤᠯᠲᠠ ᠶᠢᠨ | ᠭᠤᠤᠯ ᠢᠷᠡᠯᠲᠡ ᠶᠢᠨ ᠭᠠᠵᠠᠷ ᠪᠣᠯᠪᠠ᠃ ᠭᠠᠳᠠᠭᠠᠳᠤ ᠯᠤᠭ᠎ᠠ ᠶᠢᠨ ᠬᠡᠯᠡᠯᠴᠡᠭᠡᠷ ᠤᠨ ᠪᠡᠯᠡ ᠣᠷᠣᠭᠤᠯᠤᠯᠲᠠ ᠶᠢᠨ ᠲᠤᠭ᠎ᠠ 8.3 ᠳ᠋ᠦᠩᠰᠢᠭᠤᠷ ᠳ᠋ᠣᠯᠯᠠᠷ ᠲᠤ ᠬᠦᠷᠴᠡᠶ︔ | ᠳᠤᠮᠳᠠᠳᠤ ᠧᠦ᠋ᠷᠣᠫᠠ ᠶᠢᠨ ᠭᠠᠯᠲᠤ ᠲᠡᠷᠭᠡ ᠦᠳᠲᠡᠷ ᠲᠦᠷᠭᠡᠨ ᠬᠥᠭᠵᠢᠵᠦ᠂ ᠬᠢᠯᠢ ᠪᠠᠷ ᠥᠩᠭᠡᠷᠡᠭᠰᠡᠨ ᠳᠤᠮᠳᠠᠳᠤ ᠧᠦ᠋ᠷᠣᠫᠠ ᠶᠢᠨ ᠭᠠᠯᠲᠤ ᠲᠡᠷᠭᠡ 3657 | ᠴᠤᠪᠤᠭ᠎ᠠ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 28.2% ᠢᠶᠠᠷ ᠨᠡᠮᠡᠭᠳᠡᠵᠦ᠂ ᠥᠪᠡᠷᠲᠡᠭᠡᠨ ᠵᠠᠰᠠᠬᠤ ᠣᠷᠣᠨ ᠠᠴᠠ ᠠᠶᠠᠯᠠᠭᠰᠠᠨ ᠭᠠᠯᠲᠤ ᠲᠡᠷᠭᠡ 318 | ᠴᠤᠪᠤᠭ᠎ᠠ ᠪᠤᠯᠵᠤ᠂ ᠠᠳᠠᠯᠢ ᠬᠤᠭᠤᠴᠠᠭᠠᠨ ᠤ ᠬᠢ ᠠᠴᠠ 47.2% ᠢᠶᠠᠷ ᠨᠡᠮᠡᠭᠳᠡᠪᠡ᠃ | |