| — 2020 ᠣᠨ ᠤ 1 ᠳ᠋ᠤᠭᠡᠷ ᠰᠠᠷ᠎ᠠ ᠶᠢᠨ 12 ᠤᠨ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠡᠭᠡᠷ᠎ᠡ | | | ᠥᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ | | ᠲᠥᠯᠥᠭᠡᠯᠡᠭᠴᠢᠳ ᠡ᠄ | ᠣᠳᠣ᠂ ᠪᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ | ᠵᠥᠪᠯᠡᠬᠦ ᠪᠣᠯᠪᠠᠤ᠂ ᠲᠡᠷᠡᠴᠢᠯᠡᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2019 ᠣᠨ ᠤ ᠠᠵᠢᠯ ᠤᠨ ᠡᠷᠬᠢᠴᠡᠬᠦᠯᠦᠯ | 2019 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠪᠣᠯᠣᠨ᠎ᠠ᠂ ᠮᠥᠨ ᠴᠦ ᠮᠠᠨ ᠤ ᠣᠷᠣᠨ ᠤ ᠬᠥᠭᠵᠢᠯᠲᠡ ᠶᠢᠨ | ᠶᠠᠪᠤᠴᠠ ᠳᠠᠬᠢ ᠴᠢᠬᠤᠯᠠ ᠠᠴᠢ ᠬᠤᠯᠪᠣᠭᠳᠠᠯ ᠲᠠᠢ ᠨᠢᠭᠡ ᠵᠢᠯ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ 3 ᠳ᠋ᠤᠭᠠᠷ ᠰᠠᠷ᠎ᠠ ᠶᠢᠨ 5 ᠤ ᠡᠳᠦᠷ ᠠᠷᠪᠠᠨ | ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠤ ᠥᠪᠥᠷ ᠮᠣᠩᠭᠤᠯ ᠤᠨ | ᠲᠥᠯᠥᠭᠡᠯᠡᠭᠴᠢᠳ ᠤᠨ ᠪᠥᠯᠬᠦᠮ ᠤᠨ ᠬᠢᠨᠠᠨ ᠵᠥᠪᠯᠡᠬᠦ ᠳᠤ ᠣᠷᠣᠯᠴᠠᠭᠰᠠᠨ ᠪᠥᠭᠡᠳ 7 ᠳ᠋ᠤᠭᠠᠷ ᠰᠠᠷ᠎ᠠ ᠶᠢᠨ 15 ᠤ ᠡᠳᠦᠷ ᠠᠴᠠ 16 ᠤ ᠡᠳᠦᠷ ᠬᠦᠷᠲᠡᠯ᠎ᠡ ᠮᠠᠨ ᠤ | ᠣᠷᠣᠨ ᠳᠤ ᠳᠠᠬᠢᠨᠲᠠ ᠰᠢᠨᠵᠢᠯᠡᠨ ᠪᠠᠶᠢᠴᠠᠭᠠᠯᠲᠠ ᠬᠢᠭᠰᠡᠨ ᠤ ᠬᠠᠮᠲᠤ ︽ᠤᠭ ᠰᠠᠨᠠᠭ᠎ᠠ ᠪᠠᠨ ᠥᠯᠥ ᠮᠠᠷᠳᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ | ᠭᠤᠣᠯ ᠰᠡᠳᠦᠪᠲᠦ ᠬᠥᠮᠥᠵᠢᠯ ᠢ ᠵᠢᠭᠠᠨ ᠵᠢᠯᠣᠭᠤᠳᠪᠠ᠃ ᠥᠪᠥᠷ ᠮᠣᠩᠭᠤᠯ ᠤᠨ ᠠᠵᠢᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠴᠣᠬᠤᠯᠠᠪᠤᠷᠢ ᠨᠢ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠬᠥᠭᠵᠢᠯᠲᠡ ᠳᠤ ᠴᠢᠭᠯᠡᠯ ᠢ ᠵᠢᠭᠠᠨ ᠥᠭᠴᠦ᠂ ᠪᠥᠬᠦ ᠣᠷᠣᠨ ᠤ | ᠦᠨᠳᠦᠰᠦᠲᠡᠨ ᠨᠦᠭᠦᠳ ᠤᠨ ᠠᠷᠠᠳ ᠲᠦᠮᠡᠨ ᠢ ᠲᠦᠢᠯ ᠤᠨ ᠶᠡᠭᠡ ᠪᠠᠷ ᠵᠣᠷᠢᠬᠵᠢᠭᠤᠯᠪᠠ᠃ | ᠨᠢᠭᠡ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠳᠤᠷᠢᠳᠤᠯᠭ᠎ᠠ ᠳᠣᠣᠷ᠎ᠠ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ | ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠶᠡᠭᠡ ᠬᠤᠷᠠᠯ ᠤᠨ ᠲᠥᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ | ᠣᠨᠣᠯᠵᠢᠬᠤᠨ ᠢ ᠬᠢᠨᠠᠮᠠᠭᠠᠢ ᠨᠠᠶᠢᠳᠠᠪᠤᠷᠢᠵᠢᠭᠤᠯᠤᠨ᠂ ᠲᠣᠭᠲᠠᠭᠤᠨ ᠪᠠᠶᠢᠯᠭᠠᠬᠤ ᠶᠢᠨ ᠲᠠᠭᠠᠤ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ | ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠨ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠦ᠂ ︽ᠵᠢᠷᠭᠤᠭᠠᠨ ᠵᠦᠢᠯ ᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠥᠬᠦ ᠣᠷᠣᠨ ᠤ ᠠᠵᠤ | ᠠᠬᠤᠢ ᠨᠡᠶᠢᠭᠡᠮ ᠦᠷᠭᠦᠯᠵᠢᠯᠡᠨ ᠡᠷᠡᠭᠦᠯ ᠢᠶᠠᠷ ᠬᠥᠭᠵᠢᠪᠡ᠃ ᠠᠩᠬ᠎ᠠ ᠠᠯᠬᠤᠮ ᠤᠨ ᠬᠠᠷᠭᠤᠭᠤᠯᠤᠨ ᠪᠣᠳᠣᠭᠰᠠᠨ ᠢᠶᠠᠷ ᠪᠣᠯ᠂ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠢ ᠥᠷᠲᠡᠭ 5.2% ᠨᠡᠮᠡᠭᠳᠡᠨ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 6.8% ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ | ᠣᠷᠣᠯᠭ᠎ᠠ 10.9% ᠨᠡᠮᠡᠭᠳᠡᠨ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠨ ᠬᠡᠷᠡᠭᠯᠡᠵᠦ ᠪᠣᠯᠬᠤ | ᠣᠷᠣᠯᠭ᠎ᠠ ᠲᠤᠰ ᠲᠤᠰ 6.5% ᠪᠠ 10.7% ᠨᠡᠮᠡᠭᠳᠡᠪᠡ᠃ | ᠨᠢᠭᠡ ᠵᠢᠯ ᠤᠨ ᠲᠤᠷᠰᠢ᠂ ᠪᠢᠳᠡ ᠭᠤᠣᠯᠳᠠᠭᠤ ᠳᠣᠣᠷᠠᠬᠢ ᠠᠵᠢᠯ ᠤᠳ ᠢ ᠬᠢᠪᠡ᠃ | ︵ᠨᠢᠭᠡ︶ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠤ ᠠᠬᠤᠢ ᠶᠢᠨ | ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠲᠤᠨᠨᠳᠠᠭᠤᠨ ᠢᠶᠠᠷ ᠳᠡᠭᠡᠭᠰᠢᠯᠡᠪᠡ᠃ ︽ᠭᠤᠷᠪᠠ ᠶᠢ ᠦᠭᠡᠶᠢᠰᠬᠡᠵᠦ ᠨᠢᠭᠡ ᠶᠢ ᠪᠠᠭᠤᠷᠠᠭᠤᠯᠤᠨ ᠨᠢᠭᠡ ᠶᠢ | ᠨᠥᠬᠦᠪᠦᠷᠢᠯᠡᠬᠦ︾ ᠦᠷ᠎ᠡ ᠪᠦᠲᠦᠭᠡᠯ ᠢ ᠪᠠᠬᠢᠵᠢᠭᠦᠯᠪᠡ᠃ ᠥᠪᠡᠷᠲᠡᠭᠡᠨ ᠵᠠᠰᠠᠬᠤ ᠣᠷᠣᠨ ᠤ ᠬᠠᠷᠢᠶ᠎ᠠ ᠪᠣᠯᠬᠤ ︽ᠦᠬᠦᠰᠢᠷᠡᠮᠡᠯ ᠠᠵᠤ ᠠᠬᠤᠶᠢᠯᠠᠯ︾ ᠢ | ᠦᠨᠳᠦᠰᠦᠨ ᠳᠤ ᠪᠠᠨ ᠢᠯᠭᠠᠷᠠᠭᠤᠯᠤᠨ ᠴᠡᠪᠡᠷᠯᠡᠪᠡ᠃ ᠭᠠᠶᠢᠯᠢ ᠶᠢ ᠬᠠᠰᠤᠵᠤ ᠰᠦᠢᠳᠬᠡᠯ ᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ | ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠳᠠᠷᠤᠭᠠᠰᠤ ᠶᠢ ᠨᠢ ᠳᠠᠬᠢᠵᠤ 410 ᠳ᠋ᠦᠩᠰᠢᠭᠤᠷ ᠲᠥᠭᠦᠷᠢᠭ ᠭᠦᠩᠬᠡᠯᠡᠪᠡ᠃ ᠬᠡᠪᠴᠢᠶᠠᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠳ᠋ ᠬᠥᠷᠥᠩᠭᠡ ᠶᠢᠨ ᠥᠭᠴᠡᠭᠡ ᠶᠢᠨ ᠨᠣᠷᠮ᠎ᠠ ᠶᠢ ᠨᠢ 2.3 ᠵᠠᠭᠤᠨ ᠤ ᠴᠡᠭ ᠪᠠᠭᠤᠷᠠᠭᠤᠯᠵᠤ᠂ ᠠᠰᠢᠭ | ᠣᠯᠵᠠᠪᠤᠷᠢ ᠶᠢ ᠨᠢ 3.2% ᠨᠡᠮᠡᠭᠳᠡᠭᠦᠯᠪᠠ᠃ ᠪᠡᠭᠡᠵᠢᠩ ᠠᠴᠠ ᠬᠥᠬᠡᠬᠤᠲᠠ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠢ ᠪᠠᠶᠢᠭᠤᠯᠵᠦ ᠲᠠᠭᠤᠰᠬᠠᠭᠠᠳ ᠭᠠᠯᠲᠤ ᠲᠡᠷᠭᠡ | ᠨᠡᠪᠲᠡᠷᠡᠭᠦᠯᠵᠦ᠂ ᠤᠯᠠᠭᠠᠨᠬᠠᠳᠠ ᠠᠴᠠ ᠪᠡᠭᠡᠵᠢᠩ ᠪᠠ ᠮᠦᠭᠳᠡᠨ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠤᠨ ᠵᠠᠯᠭᠠᠬᠤ ᠱᠤᠭᠤᠮ ᠢ ᠪᠠᠶᠢᠭᠤᠯᠵᠤ ᠳᠠᠭᠤᠰᠬᠠᠬᠤ ᠪᠠᠷ | ᠪᠠᠶᠢᠨ᠎ᠠ᠂ ᠵᠢᠨᠢᠩ ᠠᠴᠠ ᠳ᠋ᠠᠲ᠋ᠥ᠋ᠩ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠪᠠ ᠪᠤᠭᠤᠲᠤ ᠠᠴᠠ ᠢᠷᠭᠠᠢ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠢ ᠪᠠᠶᠢᠭᠤᠯᠵᠤ | ᠡᠬᠢᠯᠡᠭᠰᠡᠨ ᠪᠥᠭᠡᠳ ᠰᠢᠯᠢ ᠶᠢᠨ ᠬᠤᠲᠠ ᠠᠴᠠ ᠳ᠋ᠠᠨᠳᠦ᠋ᠩ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠤᠨ ᠪᠥᠬᠦ ᠱᠤᠭᠤᠮ ᠨᠡᠪᠲᠡᠷᠡᠪᠡ᠃ ︽ᠴᠣᠣᠯ ᠭᠤᠣᠯ ᠤᠨ | ᠤᠰᠤ ᠶᠢ ᠲᠠᠲᠠᠵᠤ ᠯᠢᠶᠣᠣ ᠾᠧ ᠭᠤᠣᠯ ᠳᠤ ᠨᠡᠮᠡᠷᠢᠯᠡᠬᠦ︾ ᠪᠠ ᠵᠡᠭᠦᠨ ᠲᠠᠶᠢᠰᠠ ᠤᠰᠤᠨ ᠴᠥᠬᠦᠷᠥᠮ ᠵᠡᠷᠭᠡ ᠢᠨᠵᠧᠨᠧᠷᠢᠩ ᠤᠷᠤᠭᠰᠢᠲᠠᠢ ᠠᠬᠢᠪᠠ᠃ ᠨᠡᠶᠢᠳᠡᠮ | ᠬᠡᠷᠡᠭᠯᠡᠬᠦ ᠨᠢᠰᠬᠡᠯ ᠤᠨ ᠪᠠᠭᠤᠳᠠᠯ ᠢ ᠰᠢᠨ᠎ᠡ ᠪᠠᠷ 4 ᠪᠠᠶᠢᠭᠤᠯᠵᠤ᠂ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ 33 ᠪᠣᠯᠪᠠ᠃ ᠲᠡᠭᠷᠢᠯᠢᠭ ᠠᠭᠠᠷ | ᠠᠶᠠᠯᠠᠯ ᠢ ᠨᠡᠪᠲᠡᠷᠡᠭᠦᠯᠵᠦ ᠲᠡᠭᠡᠭᠡᠪᠦᠷᠢᠯᠡᠨ ᠡᠵᠡᠩᠨᠡᠵᠦ ᠡᠬᠢᠯᠡᠭᠰᠡᠨ ᠪᠦᠭᠡᠳ ᠲᠣᠮᠣ ᠨᠢᠰᠬᠡᠯ ᠤᠨ ᠳᠡᠭᠡᠳᠦ ᠰᠤᠷᠭᠠᠭᠤᠯᠢ ᠵᠢᠩᠬᠢᠨᠢ ᠪᠠᠷ ᠰᠤᠷᠤᠭᠴᠢ ᠡᠯᠰᠡᠵᠦ ᠡᠬᠢᠯᠡᠪᠡ᠃ | 12 ᠠᠶᠢᠮᠠᠭ ᠬᠤᠲᠠ ᠳᠤ ᠴᠥᠮ 5G ᠲᠤᠷᠰᠢᠯᠲᠠ ᠶᠢᠨ ᠰᠠᠭᠤᠷᠢ ᠥᠷᠲᠡᠭᠡ ᠶᠢ ᠨᠡᠭᠡᠭᠡᠵᠦ ᠨᠡᠪᠲᠡᠷᠡᠭᠦᠯᠪᠡ᠃ | ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠪᠡ᠃ ᠣᠳᠣ ᠦᠶ᠎ᠡ ᠶᠢᠨ ᠡᠨᠧᠷᠬᠢ ᠶᠢᠨ ᠠᠵᠤ ᠠᠬᠤᠢ ᠶᠢᠨ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢᠨ ᠬᠥᠲᠥᠯᠪᠦᠷᠢ ᠶᠢ ᠨᠠᠶᠢᠷᠠᠭᠤᠯᠤᠨ ᠵᠣᠬᠢᠶᠠᠵᠤ᠂ ᠬᠤᠶᠠᠳᠤᠭᠠᠷ ᠬᠤᠭᠤᠴᠠᠭᠠᠨ ᠤ ᠥᠪᠥᠷ | ᠮᠣᠩᠭᠤᠯ ᠤᠨ ᠣᠯᠠᠨ ᠤᠯᠤᠰ ᠤᠨ ᠡᠨᠧᠷᠬᠢ ᠶᠢᠨ ᠶᠡᠭᠡ ᠬᠤᠷᠠᠯ ᠡᠷᠬᠢᠯᠡᠬᠦ ᠶᠢ ᠳᠡᠮᠵᠢᠪᠡ᠃ ᠳᠠᠬᠢᠯᠲᠠ ᠡᠨᠧᠷᠬᠢ ᠶᠢᠨ ᠲᠣᠣᠷ ᠲᠤ ᠨᠡᠶᠢᠯᠡᠭᠦᠯᠦᠭᠰᠡᠨ ᠮᠠᠰᠢᠨ | ᠴᠣᠭᠴᠠᠯᠠᠪᠤᠷᠢ ᠨᠡᠮᠡᠭᠳᠡᠭᠡᠳ 4240 ᠲᠦᠮᠡᠨ ᠺᠢᠯᠤᠸᠠᠲ ᠪᠣᠯᠵᠤ᠂ ᠪᠥᠬᠦ ᠮᠠᠰᠢᠨ ᠴᠣᠭᠴᠠᠯᠠᠪᠤᠷᠢ ᠶᠢᠨ ᠭᠤᠷᠪᠠᠨ ᠤ ᠨᠢᠭᠡ ᠶᠢ ᠡᠵᠡᠯᠡᠪᠡ᠃ ᠰᠢᠯᠢ ᠶᠢᠨ ᠭᠤᠣᠯ ᠠᠴᠠ | ᠱᠠᠨᠳᠦ᠋ᠩ ᠳᠤ ᠳᠠᠮᠵᠢᠭᠤᠯᠬᠤ ᠣᠨᠴᠠ ᠥᠨᠳᠥᠷ ᠬᠦᠴᠦᠳᠡᠯᠲᠦ ᠢᠵᠢ ᠪᠦᠷᠢᠨ ᠨᠡᠭᠦᠷᠡᠰᠦ ᠴᠠᠬᠢᠯᠭᠠᠨ ᠤ ᠲᠥᠷᠥᠯ ᠵᠦᠢᠯ ᠢ ᠪᠦᠲᠦᠭᠡᠨ ᠪᠠᠶᠢᠭᠤᠯᠬᠤ ᠠᠵᠢᠯ | ᠤᠷᠤᠭᠰᠢᠲᠠᠢ ᠠᠬᠢᠪᠠ︔ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠺᠣᠮᠫᠠᠨᠢ ᠶᠢᠨ ᠣᠷᠳᠣᠰ ᠤᠨ ᠨᠡᠭᠦᠷᠡᠰᠦ ᠪᠠᠷ ᠠᠯᠺᠧᠨ ᠦᠢᠯᠡᠳᠬᠦ ᠲᠥᠷᠥᠯ ᠵᠦᠢᠯ ᠨᠢ | ᠪᠠᠷᠢᠯᠭ᠎ᠠ ᠪᠠᠨ ᠪᠠᠶᠢᠭᠤᠯᠵᠤ ᠡᠬᠢᠯᠡᠪᠡ︔ ᠵᠦᠩ ᠸᠧᠢ ᠺᠣᠮᠫᠠᠨᠢ ᠶᠢᠨ ᠣᠷᠳᠣᠰ ᠤᠨ ᠡᠨᠧᠷᠬᠢ ᠨᠡᠭᠦᠷᠡᠰᠦᠨ ᠤ ᠬᠦᠷᠦᠰᠦᠨ ᠳᠣᠣᠷᠠᠬᠢ ᠬᠡᠢ ᠬᠢᠮᠢ ᠶᠢᠨ ᠵᠢᠱᠢᠶ᠎ᠡ ᠦᠵᠡᠭᠦᠯᠬᠦ | ᠲᠥᠷᠥᠯ ᠵᠦᠢᠯ ᠨᠢ ᠠᠰᠢᠭᠯᠠᠯᠲᠠ ᠳᠤ ᠣᠷᠣᠪᠡ︔ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ ᠺᠣᠮᠫᠠᠨᠢ ᠶᠢᠨ ᠤᠯᠠᠭᠠᠨᠴᠠᠪ ᠲᠠᠬᠢ ᠰᠠᠯᠬᠢᠨ | ᠭᠦᠴᠦᠨ ᠤ ᠴᠠᠬᠢᠯᠭᠠᠨ ᠤ ᠰᠠᠭᠤᠷᠢᠨ ᠭᠠᠵᠠᠷ ᠤᠨ ᠨᠢᠭᠡᠳᠦᠭᠡᠷ ᠬᠤᠭᠤᠴᠠᠭᠠᠨ ᠤ 600 ᠲᠦᠮᠡᠨ ᠺᠢᠯᠤᠸᠠᠲ ᠤᠨ ᠵᠢᠱᠢᠶ᠎ᠡ ᠦᠵᠡᠭᠦᠯᠬᠦ ᠲᠥᠷᠥᠯ ᠵᠦᠢᠯ ᠪᠠᠷᠢᠯᠭ᠎ᠠ ᠪᠠᠨ | ᠪᠠᠶᠢᠭᠤᠯᠵᠤ ᠡᠬᠢᠯᠡᠭᠰᠡᠨ ᠮᠥᠷᠲᠡᠭᠡᠨ ᠲᠡᠷᠡ ᠨᠢ ᠪᠥᠬᠦ ᠪᠥᠮᠪᠥᠷᠴᠡᠭ ᠤᠨ ᠡᠬᠡ ᠬᠠᠭᠤᠷᠠᠢ ᠳᠠᠬᠢ ᠳᠠᠩ ᠴᠣᠭᠴᠠ ᠶᠢᠨ ᠬᠡᠪᠴᠢᠶ᠎ᠡ ᠪᠠᠷ ᠬᠠᠮᠤᠭ ᠤᠨ ᠲᠣᠮᠣ ᠰᠠᠯᠬᠢᠨ | ᠭᠦᠴᠦᠨ ᠤ ᠴᠠᠬᠢᠯᠭᠠᠨ ᠤ ᠲᠥᠷᠥᠯ ᠵᠦᠢᠯ ᠪᠣᠯᠪᠠ︔ ᠦᠬᠠᠢ ᠶᠢᠨ ᠰᠠᠢ ᠰᠧ ᠫᠦ᠋ ᠥᠨᠳᠥᠷ ᠵᠤᠤᠬ᠎ᠠ ᠶᠢᠨ ᠪᠤᠰᠤ ᠲᠡᠮᠦᠷᠯᠢᠭ ᠬᠠᠶᠢᠯᠤᠭᠤᠯᠬᠤ ᠲᠥᠷᠥᠯ ᠵᠦᠢᠯ ᠨᠢ | ᠪᠠᠷᠢᠯᠭ᠎ᠠ ᠪᠠᠨ ᠪᠠᠶᠢᠭᠤᠯᠵᠤ ᠡᠬᠢᠯᠡᠭᠰᠡᠨ ᠪᠥᠭᠡᠳ ᠲᠡᠮᠦᠷᠯᠢᠭ ᠬᠠᠶᠢᠯᠤᠭᠤᠯᠬᠤ ᠤᠷ᠎ᠠ ᠮᠡᠷᠭᠡᠰᠢᠯ ᠢᠶᠠᠨ ︽ᠨᠡᠭᠦᠷᠡᠰᠦᠲᠥ᠋ᠷᠥᠭᠴᠢ ᠪᠠᠷ ᠲᠡᠮᠦᠷᠯᠢᠭ ᠬᠠᠶᠢᠯᠤᠭᠤᠯᠵᠤ︾ | ᠪᠠᠶᠢᠭᠰᠠᠨ ᠠᠴᠠ ︽ᠤᠰᠤᠲᠦ᠋ᠷᠦᠭᠴᠢ ᠪᠠᠷ ᠲᠡᠮᠦᠷᠯᠢᠭ ᠬᠠᠶᠢᠯᠤᠭᠤᠯᠬᠤ︾ ᠪᠣᠯᠭᠠᠵᠤ ᠬᠤᠪᠢᠷᠠᠭᠤᠯᠪᠠ︔ ᠪᠥᠬᠦ ᠪᠥᠮᠪᠥᠷᠴᠡᠭ ᠤᠨ ᠠᠭᠤᠷᠬᠠᠢ ᠳᠤ ᠬᠡᠷᠡᠭᠯᠡᠬᠦ ᠠᠩᠬᠠᠨ ᠤ | ᠵᠢᠯᠣᠭᠤᠴᠢ ᠦᠭᠡᠢ 5G ᠰᠦᠯᠵᠢᠶᠡᠨ ᠤ ᠤᠶᠤᠨᠴᠢ ᠮᠠᠰᠢᠨ ᠲᠡᠷᠭᠡ ᠶᠢ ᠪᠠᠶᠠᠠᠤ᠋ᠪᠤᠭᠠ ᠳᠤ ᠠᠰᠢᠭᠯᠠᠯᠲᠠ ᠳᠤ ᠣᠷᠣᠭᠤᠯᠵᠤ ᠠᠵᠢᠯᠯᠠᠭᠤᠯᠪᠠ︔ ᠰᠢᠶᠠᠨ ᠬᠤᠩ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠥᠪᠥᠷ ᠮᠣᠩᠭᠤᠯ ᠴᠢᠫ︾ ᠰᠠᠴᠤᠷᠠᠭᠤᠯᠬᠤ ᠳᠠᠪᠲᠠᠮᠵᠢ ᠶᠢᠨ ᠴᠢᠫ ᠢ ᠣᠷᠣᠨ ᠤ ᠳᠣᠲᠣᠷ᠎ᠠ ᠭᠠᠳᠠᠨᠠᠬᠢ ᠵᠠᠮ | ᠬᠠᠷᠢᠯᠴᠠᠭ᠎ᠠ᠂ ᠴᠠᠬᠢᠯᠭᠠᠨ ᠬᠦᠴᠦᠨ᠂ ᠪᠠᠷᠠᠭᠠᠨ ᠤ ᠭᠦᠢᠯᠭᠡᠭᠡ ᠵᠡᠷᠭᠡ ᠬᠦᠷᠢᠶᠡᠨ ᠳᠤ ᠬᠡᠷᠡᠭᠯᠡᠭᠦᠯᠪᠡ᠃ ᠺᠣᠮᠫᠢᠦ᠋ᠲ᠋ᠧᠷ᠂ ᠴᠢᠮᠡᠭᠡ ᠬᠤᠯᠪᠣᠭ᠎ᠠ ᠪᠠ ᠪᠤᠰᠤᠳ ᠡᠯᠧᠺᠲᠷᠤᠨ | ᠲᠥᠬᠦᠭᠡᠷᠦᠮᠵᠢ ᠦᠢᠯᠡᠳᠬᠦ ᠦᠢᠯᠡᠰ 58.6% ᠨᠡᠮᠡᠭᠳᠡᠵᠦ᠂ ᠬᠤᠪᠣᠷ ᠰᠢᠷᠣᠢ ᠶᠢᠨ ᠨᠢᠭᠡᠳᠪᠦᠷᠢ᠂ ᠪᠠᠯ ᠴᠢᠯᠠᠭᠤ ᠵᠢᠴᠢ ᠨᠡᠭᠦᠷᠡᠰᠦᠲᠥ᠋ᠷᠥᠭᠴᠢᠳᠤ ᠦᠢᠯᠡᠳᠬᠦᠨ | ᠦᠢᠯᠡᠳᠪᠦᠷᠢᠯᠡᠭᠰᠡᠨ ᠬᠡᠮᠵᠢᠶ᠎ᠡ ᠲᠤᠰ ᠲᠤᠰ 11.4% ᠪᠠ 9.6% ᠨᠡᠮᠡᠭᠳᠡᠪᠡ᠃ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠲᠦᠷᠭᠡᠨ ᠬᠥᠭᠵᠢᠵᠦ᠂ | ᠵᠢᠭᠤᠯᠴᠢᠯᠠᠯ ᠤᠨ ᠦᠢᠯᠡᠰ ᠤᠨ ᠶᠡᠷᠦᠩᠬᠡᠢ ᠣᠷᠣᠯᠭ᠎ᠠ 12% ᠨᠡᠮᠡᠭᠳᠡᠪᠡ᠂ ᠬᠥᠯᠥᠨ ᠪᠤᠶᠢᠷ ᠤᠨ ᠣᠢ ᠰᠢᠭᠤᠢ ᠲᠠᠯ᠎ᠠ ᠨᠤᠲᠤᠭ ᠤᠨ ᠵᠢᠭᠤᠯᠴᠢᠯᠠᠯ ᠤᠨ ᠭᠠᠯᠲᠤ ᠲᠡᠷᠭᠡ | ᠵᠢᠩᠬᠢᠨᠢ ᠪᠠᠷ ᠠᠶᠠᠯᠠᠯ ᠢᠶᠠᠨ ᠡᠬᠢᠯᠡᠭᠦᠯᠪᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠪᠠ ᠵᠢᠭᠡᠯᠡᠯᠭᠡ ᠶᠢᠨ ᠵᠣᠭᠤᠰᠤᠨ ᠤ ᠦᠯᠡᠳᠡᠪᠦᠷᠢ ᠲᠣᠭᠠᠨ ᠤ | ᠨᠡᠮᠡᠭᠳᠡᠯ ᠨᠢ ᠳᠡᠭᠡᠷ᠎ᠡ ᠵᠢᠯ ᠤᠨ ᠬᠢ ᠠᠴᠠ ᠬᠤᠷᠳᠤᠨ ᠪᠠᠶᠢᠪᠠ︔ 1857 ᠳ᠋ᠦᠩᠰᠢᠭᠤᠷ ᠲᠥᠭᠦᠷᠢᠭ ᠤᠨ ᠪᠡᠯᠡ ᠶᠢ ᠰᠢᠭᠤᠳ ᠲᠤᠬᠢᠷᠠᠭᠤᠯᠵᠦ᠂ ᠳᠡᠭᠡᠷ᠎ᠡ | ᠵᠢᠯ ᠤᠨ ᠬᠢ ᠲᠠᠢ ᠬᠠᠷᠢᠴᠠᠭᠤᠯᠬᠤ ᠳᠤ ᠬᠤᠶᠠᠷ ᠳᠠᠬᠢᠨ ᠪᠣᠯᠪᠠ᠃ ᠳᠥᠷᠪᠡᠳᠡᠬᠢ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠥᠬᠦ | ᠲᠠᠯ᠎ᠠ ᠪᠠᠷ ᠪᠡᠶᠡᠯᠡᠭᠦᠯᠪᠡ᠃ | ︵ᠬᠤᠶᠠᠷ︶ ᠲᠣᠪᠤᠶᠢᠮ᠎ᠠ ᠠᠰᠠᠭᠤᠳᠠᠯ ᠢ ᠣᠨᠣᠪᠴᠢᠲᠠᠢ ᠰᠢᠢᠳᠪᠦᠷᠢᠯᠡᠬᠦ ᠳᠤ ᠬᠦᠴᠦ ᠲᠠᠯᠪᠢᠵᠤ᠂ ᠭᠤᠷᠪᠠᠨ ᠶᠡᠭᠡ ᠰᠢᠪᠲᠤᠯᠤᠯᠲᠠ ᠶᠢᠨ ᠲᠠᠶᠢᠯᠠᠯᠳᠤᠭᠠᠨ ᠳᠤ | ᠵᠠᠩᠭᠢᠯᠠᠭ᠎ᠠ ᠶᠢᠨ ᠠᠬᠢᠴᠠ ᠲᠠᠢ ᠪᠣᠯᠪᠠ᠃ ᠲᠦᠭᠰᠢᠭᠦᠷᠢ ᠶᠢᠨ ᠵᠡᠷᠭᠡ ᠳᠡᠰ ᠦᠨᠡᠯᠡᠨ ᠲᠣᠭᠲᠠᠭᠠᠬᠤ ᠶᠢ ᠬᠡᠷᠡᠭᠵᠢᠭᠦᠯᠦᠨ᠂ ᠵᠠᠰᠠᠭ ᠤᠨ ᠣᠷᠳᠣᠨ ᠤ ᠥᠷᠢ ᠥᠭᠴᠡᠭᠡ ᠶᠢᠨ | ᠬᠠᠮᠢᠶᠠᠷᠤᠯᠲᠠ ᠶᠢ ᠴᠢᠩᠭᠠᠷᠠᠭᠤᠯᠵᠤ᠂ ᠳᠠᠯᠳᠠ ᠥᠷᠢ ᠥᠭᠴᠡᠭᠡ ᠶᠢ ᠠᠷᠢᠯᠭᠠᠬᠤ ᠣᠨ ᠤ ᠡᠭᠦᠷᠭᠡ ᠶᠢᠨ 270.7% ᠶᠢ ᠪᠡᠶᠡᠯᠡᠭᠦᠯᠦᠨ᠂ ︽ᠠᠷᠪᠠ ᠶᠢ ᠨᠡᠶᠢᠳᠡᠮ | ᠪᠦᠷᠬᠦᠭᠦᠯᠬᠦ︾ ᠳᠤ ᠥᠷᠢᠲᠦᠵᠦ ᠪᠠᠶᠢᠭᠰᠠᠨ ᠪᠠᠷᠢᠯᠭ᠎ᠠ ᠶᠢᠨ ᠵᠣᠭᠤᠰ ᠢ ᠴᠥᠮ ᠲᠥᠯᠥᠵᠦ ᠳᠠᠭᠤᠰᠬᠠᠪᠠ᠃ ᠬᠦᠴᠢᠷᠳᠡᠯ ᠢ ᠲᠠᠶᠢᠯᠬᠤ ᠰᠠᠭᠤᠷᠢ ᠮᠥᠩᠭᠦ ᠪᠠ | ᠲᠦᠭᠰᠢᠭᠦᠷᠢ ᠶᠢ ᠰᠡᠷᠭᠡᠶᠢᠯᠡᠨ ᠡᠵᠡᠮᠰᠢᠬᠦ ᠰᠠᠭᠤᠷᠢ ᠮᠥᠩᠭᠦ ᠶᠢ ᠨᠡᠶᠢᠲᠡ 257.4 ᠳ᠋ᠦᠩᠰᠢᠭᠤᠷ ᠲᠥᠭᠦᠷᠢᠭ ᠲᠠᠯᠪᠢᠵᠤ ᠬᠡᠷᠡᠭᠯᠡᠭᠡᠳ 65 ᠠᠵᠤ ᠠᠬᠤᠶᠢᠯᠠᠯ ᠤᠨ ᠦᠷᠢ | ᠥᠭᠴᠡᠭᠡ ᠶᠢᠨ ᠲᠦᠭᠰᠢᠭᠦᠷᠢ ᠪᠠᠨ ᠠᠷᠢᠯᠭᠠᠬᠤ ᠶᠢ ᠳᠡᠮᠵᠢᠪᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ | ᠪᠠᠶᠢᠭᠰᠠᠨ ᠳᠠᠩᠰᠠᠨ ᠳᠠᠬᠢ ᠵᠣᠭᠤᠰ ᠢ 672.9 ᠳ᠋ᠦᠩᠰᠢᠭᠤᠷ ᠲᠥᠭᠦᠷᠢᠭ ᠢᠯᠭᠠᠷᠠᠭᠤᠯᠵᠤ᠂ ᠣᠨ ᠤ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ᠲᠥᠪ ᠬᠤᠷᠢᠶᠠᠨ ᠤ | ᠳᠡᠮᠵᠢᠯᠭᠡ ᠪᠠᠷ ᠪᠤᠭᠤᠲᠤ ᠶᠢᠨ ᠬᠤᠳᠠᠯᠳᠤᠭᠠᠨ ᠤ ᠪᠠᠩᠬᠢ ᠶᠢᠨ ᠲᠦᠭᠰᠢᠭᠦᠷᠢ ᠶᠢ ᠲᠣᠬᠢᠷᠠᠮᠵᠢᠲᠠᠢ ᠰᠢᠢᠳᠪᠦᠷᠢᠯᠡᠪᠡ᠃ ᠮᠥᠩᠭᠦᠨ ᠭᠦᠢᠯᠭᠡᠭᠡᠨ ᠤ | ᠪᠠᠶᠢᠭᠤᠯᠤᠮᠵᠢ ᠨᠤᠭᠤᠳ ᠤᠨ ᠳᠡᠮᠵᠢᠯᠭᠡ ᠪᠠᠷ ᠵᠠᠰᠠᠮᠠᠯ ᠵᠠᠮ ᠤᠨ ᠪᠡᠯᠡ ᠣᠷᠣᠭᠤᠯᠤᠯᠲᠠ ᠶᠢᠨ ᠺᠣᠮᠫᠠᠨᠢ ᠶᠢᠨ ᠥᠷᠢ ᠥᠭᠴᠡᠭᠡ ᠪᠠᠨ ᠳᠠᠬᠢᠵᠤ ᠵᠣᠬᠢᠶᠠᠨ ᠪᠠᠶᠢᠭᠤᠯᠬᠤ ᠶᠢ | ᠭᠦᠢᠴᠡᠳᠬᠡᠵᠦ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠵᠠᠬ᠎ᠠ ᠳᠡᠯᠭᠡᠭᠦᠷᠴᠢᠯᠡᠨ ᠵᠢᠭᠡᠯᠡᠯᠭᠡ ᠪᠠᠨ ᠰᠲ᠋ᠣᠺ ᠪᠣᠯᠭᠠᠨ ᠬᠤᠪᠢᠷᠠᠭᠤᠯᠬᠤ 77.35 | ᠳ᠋ᠦᠩᠰᠢᠭᠤᠷ ᠲᠥᠭᠦᠷᠢᠭ ᠢ ᠪᠣᠳᠠᠲᠠᠶᠢᠵᠢᠭᠤᠯᠪᠠ᠂ ᠪᠥᠬᠦ ᠣᠷᠣᠨ ᠳᠤ ᠵᠠᠬ᠎ᠠ ᠳᠡᠯᠭᠡᠭᠦᠷᠴᠢᠯᠡᠨ ᠵᠢᠭᠡᠯᠡᠯᠭᠡ ᠪᠠᠨ ᠰᠲ᠋ᠣᠺ ᠪᠣᠯᠭᠠᠵᠤ ᠬᠤᠪᠢᠷᠠᠭᠤᠯᠤᠭᠰᠠᠨ ᠪᠥᠬᠦ | ᠵᠣᠭᠤᠰᠤᠨ ᠤ ᠲᠤᠭ᠎ᠠ ᠨᠢ 234 ᠳ᠋ᠦᠩᠰᠢᠭᠤᠷ ᠲᠥᠭᠦᠷᠢᠭ ᠪᠠᠶᠢᠵᠤ᠂ ᠠᠵᠤ ᠠᠬᠤᠶᠢᠯᠠᠯ ᠤᠨ ᠥᠷᠢ ᠥᠭᠴᠡᠭᠡ ᠶᠢᠨ ᠲᠦᠭᠰᠢᠭᠦᠷᠢ ᠮᠡᠳᠡᠭᠳᠡᠮ᠎ᠡ ᠪᠠᠭᠤᠷᠠᠪᠠ᠃ | ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠲᠠᠯ᠎ᠠ ᠪᠠᠷ ᠬᠢ ᠲᠣᠪᠤᠶᠢᠮ᠎ᠠ ᠠᠰᠠᠭᠤᠳᠠᠯ ᠢ ᠠᠩᠬᠠᠷᠤᠨ ᠰᠢᠢᠳᠪᠦᠷᠢᠯᠡᠵᠦ᠂ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠲᠤᠰᠬᠠᠢ ᠠᠵᠢᠯᠯᠠᠭ᠎ᠠ ᠶᠢ ᠥᠷᠨᠢᠭᠦᠯᠦᠨ᠂ ᠤᠯᠤᠰ ᠤᠨ ᠳᠡᠰ ᠤᠨ ᠶᠠᠳᠠᠭᠤ ᠬᠦᠴᠢᠷᠳᠡᠯᠲᠡᠢ 20 ᠬᠤᠰᠢᠭᠤ ᠰᠢᠶᠠᠨ ᠢ ᠶᠠᠳᠠᠭᠤ | ᠬᠦᠴᠢᠷᠳᠡᠯᠲᠡᠢ ᠶᠢᠨ ᠲᠣᠭᠠᠨ ᠠᠴᠠ ᠬᠠᠰᠤᠬᠤ᠂ ᠶᠠᠳᠠᠭᠤ ᠬᠦᠴᠢᠷᠳᠡᠯᠲᠡᠢ 676 ᠭᠠᠴᠠᠭ᠎ᠠ ᠲᠣᠰᠬᠤᠨ ᠢ ᠶᠠᠳᠠᠭᠤ ᠬᠦᠴᠢᠷᠳᠡᠯᠲᠡᠢ ᠶᠢᠨ ᠵᠢᠭᠰᠠᠭᠠᠯᠲᠠ ᠠᠴᠠ ᠭᠠᠷᠭᠠᠬᠤ᠂ | ᠶᠠᠳᠠᠭᠤ ᠬᠦᠴᠢᠷᠳᠡᠯᠲᠡᠢ 14 ᠲᠦᠮᠡ ᠭᠠᠷᠤᠢ ᠬᠥᠮᠥᠰ ᠢ ᠶᠠᠳᠠᠭᠤ ᠠᠴᠠ ᠠᠩᠭᠢᠵᠢᠷᠠᠭᠤᠯᠬᠤ ᠪᠠᠷ ᠵᠢᠱᠢᠭᠰᠡᠨ ᠪᠠᠶᠢᠨ᠎ᠠ᠃ ᠪᠥᠬᠦ ᠵᠢᠯ ᠳᠤ ᠡᠳ᠋ ᠤᠨ ᠵᠠᠰᠠᠭ ᠤᠨ | ᠲᠤᠰᠬᠠᠢ ᠪᠡᠯᠡ ᠮᠥᠩᠭᠦ ᠶᠢ 99.23 ᠳ᠋ᠦᠩᠰᠢᠭᠤᠷ ᠲᠥᠭᠦᠷᠢᠭ ᠣᠷᠣᠭᠤᠯᠪᠠ᠂ ᠡᠭᠦᠨ ᠳᠤ ᠲᠤᠩ ᠶᠠᠳᠠᠭᠤ ᠬᠦᠴᠢᠷᠳᠡᠯᠲᠡᠢ ᠭᠠᠵᠠᠷ ᠣᠷᠣᠨ ᠳᠠᠬᠢ ᠣᠷᠣᠭᠤᠯᠤᠯᠲᠠ | 23.4% ᠨᠡᠮᠡᠭᠳᠡᠪᠡ᠃ ᠪᠥᠬᠦ ᠤᠯᠤᠰ ᠤᠨ ᠬᠡᠪᠴᠢᠶᠠᠨ ᠳᠠᠬᠢ ᠶᠠᠳᠠᠭᠤ ᠶᠢ ᠲᠡᠳᠬᠦᠭᠰᠡᠨ ᠡᠳ᠋ ᠬᠥᠷᠥᠩᠭᠡ ᠳᠤ ᠢᠯᠭᠠᠷᠠᠭᠤᠯᠤᠨ ᠪᠠᠶᠢᠴᠠᠭᠠᠬᠤ ᠪᠠ ᠬᠠᠮᠢᠶᠠᠷᠬᠤ | ᠲᠤᠷᠰᠢᠯᠲᠠ ᠶᠢᠨ ᠴᠡᠭ ᠭᠠᠷᠭᠠᠬᠤ ᠠᠵᠢᠯ ᠢ ᠤᠷᠢᠳ ᠢᠶᠠᠷ ᠥᠷᠨᠢᠭᠦᠯᠪᠡ᠃ ᠪᠡᠭᠡᠵᠢᠩ ᠬᠤᠲᠠ ᠵᠢᠴᠢ ᠲᠥᠪ ᠤᠨ ᠨᠢᠭᠡᠴᠢ ᠨᠦᠭᠦᠳ ᠪᠡᠯᠡ ᠮᠥᠩᠭᠦ᠂ ᠴᠢᠳᠠᠪᠤᠷᠢᠲᠠᠨ᠂ | ᠮᠡᠷᠭᠡᠵᠢᠯ ᠪᠠ ᠠᠵᠤ ᠦᠢᠯᠡᠰ ᠵᠡᠷᠭᠡ ᠲᠠᠯ᠎ᠠ ᠪᠠᠷ ᠬᠦᠴᠦᠲᠡᠢ ᠳᠡᠮᠵᠢᠯᠭᠡ ᠦᠵᠡᠭᠦᠯᠦᠭᠰᠡᠨ ᠠᠴᠠ ᠶᠠᠳᠠᠭᠤ ᠶᠢ ᠲᠡᠳᠭᠦᠬᠦ ᠲᠠᠯ᠎ᠠ ᠶᠢᠨ ᠬᠠᠮᠵᠢᠯᠴᠠᠨ ᠠᠵᠢᠯᠯᠠᠬᠤ ᠪᠠ ᠴᠡᠭ | ᠲᠣᠭᠲᠠᠭᠠᠨ ᠶᠠᠳᠠᠭᠤ ᠶᠢ ᠳᠡᠳᠬᠦᠬᠦ ᠠᠵᠢᠯ ᠤᠨ ᠦᠷ᠎ᠡ ᠠᠰᠢᠭ ᠮᠡᠳᠡᠭᠳᠡᠮ᠎ᠡ ᠳᠡᠭᠡᠭᠰᠢᠯᠡᠭᠰᠡᠨ ᠪᠠᠶᠢᠨ᠎ᠠ᠃ | ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠳᠤ ᠬᠠᠷᠢᠭᠤ ᠲᠤᠰᠬᠠᠭᠰᠠᠨ ᠠᠰᠠᠭᠤᠳᠠᠯ ᠢ ᠬᠢᠨᠠᠮᠠᠭᠠᠢ ᠴᠡᠭᠴᠡᠯᠡᠨ | ᠰᠠᠶᠢᠵᠢᠷᠠᠭᠤᠯᠵᠤ᠂ ᠪᠥᠬᠦ ᠣᠷᠣᠨ ᠤ ᠠᠭᠠᠷ ᠤᠨ ᠴᠡᠪᠡᠷᠴᠡ ᠶᠢᠨ ᠪᠠᠷᠢᠮᠵᠢᠶ᠎ᠠ ᠳᠤ ᠬᠦᠷᠦᠭᠰᠡᠨ ᠡᠳᠦᠷ ᠬᠤᠨᠤᠭ ᠤᠨ ᠲᠡᠭᠰᠢᠳᠬᠡᠭᠰᠡᠨ ᠲᠣᠭᠠᠨ ᠤ ᠬᠠᠷᠢᠴᠠᠯ 89. | 6% ᠳᠤ ᠬᠦᠷᠴᠦ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠳᠠᠬᠢ ᠬᠦᠬᠦᠷ ᠤᠨ ᠳᠠᠪᠬᠤᠷ ᠢᠰᠦᠯ᠂ ᠰᠢᠪᠳᠤᠷᠲᠤ ᠠᠽᠤᠲ | ᠭᠠᠳᠠᠭᠰᠢᠯᠠᠭᠤᠯᠬᠤ ᠶᠢ ᠪᠠᠭᠠᠰᠬᠠᠬᠤ ᠡᠭᠦᠷᠭᠡ ᠪᠠᠨ ᠤᠷᠢᠳᠴᠢᠯᠠᠨ ᠪᠡᠶᠡᠯᠡᠭᠦᠯᠪᠡ᠃ ︽ᠭᠤᠷᠪᠠᠨ ᠨᠠᠭᠤᠷ︾ ᠢ ᠵᠠᠰᠠᠬᠤ ᠲᠥᠯᠥᠪᠵᠢᠭᠦᠯᠭᠡ ᠶᠢ ᠨᠠᠶᠢᠷᠠᠭᠤᠯᠤᠨ᠂ ᠬᠥᠯᠥᠨ | ᠨᠠᠭᠤᠷ ᠤᠨ ᠬᠤᠶᠠᠳᠠᠬᠢ ᠬᠤᠭᠤᠴᠠᠭᠠᠨ ᠤ ᠵᠠᠰᠠᠯᠲᠠ ᠶᠢᠨ ᠢᠨᠵᠧᠨᠧᠷᠢᠩ ᠳᠠᠬᠢ 13 ᠲᠥᠷᠥᠯ ᠵᠦᠢᠯ ᠢ ᠴᠥᠮ ᠪᠠᠶᠢᠭᠤᠯᠵᠤ ᠡᠬᠢᠯᠡᠭᠰᠡᠨ ᠪᠥᠭᠡᠳ ᠤᠰᠤᠨ ᠤ ᠴᠢᠨᠠᠷ | ᠮᠠᠭᠤᠳᠠᠬᠤ ᠬᠠᠨᠳᠤᠰᠢ ᠶᠢ ᠠᠩᠬ᠎ᠠ ᠠᠯᠬᠤᠮ ᠡᠷᠬᠡᠰᠢᠶᠡᠪᠡ︔ ᠳᠠᠭ᠎ᠠ ᠶᠢᠨ ᠨᠠᠭᠤᠷ ᠤᠨ ᠤᠰᠤᠨ ᠤ ᠴᠢᠨᠠᠷ ᠤᠨ ᠭᠤᠣᠯ ᠪᠣᠯᠬᠤ ᠭᠦᠢᠴᠡᠳᠬᠡᠯ ᠲᠤᠭ᠎ᠠ ᠲᠣᠭᠲᠠᠪᠤᠷᠢᠵᠢᠵᠤ | ᠰᠠᠶᠢᠵᠢᠷᠠᠪᠡ︔ ᠤᠯᠠᠭᠠᠨᠰᠤᠬᠠᠢ ᠶᠢᠨ ᠠᠮᠢ ᠠᠬᠤᠢ ᠳᠤ 6.15 ᠳ᠋ᠦᠩᠰᠢᠭᠤᠷ ᠲᠡᠭᠰᠢ ᠳᠥᠷᠪᠡᠯᠵᠢᠨ ᠮᠧᠲᠷ ᠤᠰᠤ ᠨᠥᠬᠦᠪᠦᠷᠢᠯᠡᠵᠦ᠂ ᠤᠰᠤᠨ ᠤ ᠴᠢᠨᠠᠷ ᠤᠨ ᠶᠡᠷᠦᠩᠬᠡᠢ | ᠪᠠᠶᠢᠳᠠᠯ ᠨᠢ ᠮᠠᠭᠤ ᠲᠥᠷᠥᠯ ᠤᠨ ᠲᠠᠪᠤᠳᠤᠭᠠᠷ ᠲᠤ ᠵᠢᠭᠰᠠᠭᠠᠭᠳᠠᠵᠤ ᠪᠠᠶᠢᠭᠰᠠᠨ ᠠᠴᠠ ᠪᠠᠨ ᠲᠣᠭᠲᠠᠭᠤᠨ ᠢᠶᠠᠷ ᠳᠡᠭᠡᠭᠰᠢᠯᠡᠭᠡᠳ ᠲᠠᠪᠤᠳᠤᠭᠠᠷ ᠲᠥᠷᠥᠯ ᠳᠤ ᠣᠷᠣᠪᠠ᠃ | ᠬᠤᠲᠠ ᠶᠢᠨ ᠪᠠᠶᠢᠭᠤᠯᠵᠤ ᠳᠠᠭᠤᠰᠬᠠᠭᠰᠠᠨ ᠲᠣᠭᠤᠷᠢᠭ ᠲᠠᠬᠢ ᠪᠣᠬᠢᠷ ᠦᠮᠡᠬᠡᠢ ᠤᠰᠤ ᠶᠢ ᠵᠠᠰᠠᠬᠤ ᠡᠭᠦᠷᠭᠡ ᠪᠠᠨ ᠪᠥᠬᠦᠨ ᠢ ᠪᠡᠶᠡᠯᠡᠭᠦᠯᠵᠦ ᠳᠠᠭᠤᠰᠬᠠᠪᠠ᠃ | ᠲᠠᠷᠢᠶᠠᠯᠠᠩ ᠳᠤ ᠬᠡᠷᠡᠭᠯᠡᠬᠦ ᠭᠠᠵᠠᠷ ᠤᠨ ᠪᠣᠬᠢᠷᠲᠤᠭᠰᠠᠨ ᠪᠠᠶᠢᠳᠠᠯ ᠤᠨ ᠨᠠᠷᠢᠨ ᠪᠠᠶᠢᠴᠠᠭᠠᠯᠲᠠ ᠪᠠᠨ ᠤᠯᠤᠰ ᠤᠨ ᠰᠢᠯᠭᠠᠨ ᠬᠤᠷᠢᠶᠠᠵᠤ ᠠᠪᠬᠤ ᠳᠤ ᠪᠠᠲᠤᠯᠠᠭᠤᠯᠵᠤ᠂ ᠪᠥᠬᠦ | ᠣᠷᠣᠨ ᠤ ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠶᠠᠰᠤ ᠴᠢᠨᠠᠷ ᠶᠡᠷᠦᠩᠬᠡᠢ ᠳᠤ ᠪᠠᠨ ᠮᠠᠰᠢ ᠰᠠᠶᠢᠨ ᠪᠠᠶᠢᠨ᠎ᠠ᠃ | ᠠᠮᠢ ᠠᠬᠤᠢ ᠶᠢ ᠥᠩᠵᠢᠭᠦᠯᠦᠨ ᠰᠡᠷᠭᠦᠭᠡᠵᠦ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ 1363 ᠲᠦᠮᠡᠨ ᠮᠦ ᠣᠢ ᠰᠢᠭᠤᠢ ᠣᠶᠢᠵᠢᠭᠤᠯᠤᠭᠰᠠᠨ ᠪᠥᠭᠡᠳ | 944 ᠲᠦᠮᠡᠨ ᠮᠦ ᠬᠥᠷᠥᠰᠥ ᠰᠢᠷᠣᠢ ᠶᠢᠨ ᠢᠳᠡᠭᠳᠡᠯ ᠲᠠᠢ ᠭᠠᠵᠠᠷ ᠢ ᠵᠠᠰᠠᠪᠠ᠃ ᠶᠡᠭᠡ ᠬᠢᠩᠭᠠᠨ ᠳᠠᠪᠠᠭᠠᠨ ᠤ ᠣᠢ ᠰᠢᠭᠤᠢ ᠶᠢ ᠰᠦᠢᠳᠬᠡᠨ ᠠᠲᠠᠷ ᠬᠠᠭᠠᠯᠪᠤᠷᠢᠯᠠᠭᠰᠠᠨ | ᠣᠷᠣᠨ ᠳᠤ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠪᠡ᠃ ᠨᠤᠭᠤ ᠭᠠᠵᠠᠷ ᠤᠨ ᠴᠡᠴᠡᠷᠯᠢᠭ ᠤᠨ ᠬᠠᠮᠢᠶᠠᠷᠤᠯᠲᠠ ᠶᠢᠨ ᠠᠷᠭ᠎ᠠ ᠶᠢ ᠨᠡᠶᠢᠲᠡᠯᠡᠪᠡ᠃ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠳᠠᠬᠢ 96.7% ᠦᠢᠯᠡᠳᠪᠦᠷᠢ ᠠᠭᠤᠷᠬᠠᠢ ᠠᠵᠤ ᠠᠬᠤᠶᠢᠯᠠᠯ ᠢ ᠪᠤᠴᠠᠭᠠᠨ ᠭᠠᠷᠭᠠᠪᠠ᠃ ᠤᠯᠠᠭᠠᠨᠬᠤᠲᠠ᠂ ᠬᠢᠶ᠎ᠠ ᠪᠠᠭᠰᠢ᠂ ᠭᠡᠭᠡᠨ ᠭᠤᠣᠯ | ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ︵ᠰᠢᠶᠠᠨ︶ ᠶᠢᠨ ᠴᠣᠯᠠ ᠶᠢ ᠬᠦᠷᠲᠡᠵᠦ᠂ ᠷᠠᠰᠢᠶᠠᠨ ᠬᠤᠲᠠ | ᠤᠯᠤᠰ ᠤᠨ ︽ᠬᠥᠬᠡ ᠠᠭᠤᠯᠠ ᠬᠥᠬᠡᠮᠳᠦᠭ ᠤᠰᠤ ᠪᠣᠯ ᠠᠯᠲᠠ ᠮᠥᠩᠭᠦᠨ ᠠᠭᠤᠯᠠ︾ ᠶᠢᠨ ᠦᠢᠯᠡᠳᠦᠯᠭᠡᠵᠢᠭᠦᠯᠵᠦ ᠰᠢᠨ᠎ᠡ ᠶᠢ ᠡᠭᠦᠳᠬᠦ ᠰᠠᠭᠤᠷᠢᠨ ᠭᠠᠵᠠᠷ ᠢᠶᠠᠷ | ᠨᠡᠷᠡᠯᠡᠭᠳᠡᠪᠡ᠃ ᠬᠥᠯᠥᠨ ᠪᠤᠶᠢᠷ ᠤᠨ ᠣᠯᠠᠨ ᠤᠯᠤᠰ ᠤᠨ ᠪᠣᠬᠢᠷᠳᠣᠯ ᠦᠭᠡᠢ ᠬᠥᠭᠵᠢᠯᠲᠡ ᠶᠢᠨ ᠶᠡᠭᠡ ᠬᠤᠷᠠᠯ ᠡᠷᠬᠢᠯᠡᠬᠦ ᠶᠢ ᠲᠡᠮᠵᠢᠪᠡ᠃ | ︵ᠭᠤᠷᠪᠠ︶ ᠬᠦᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠣᠬᠤ ᠪᠣᠳᠣᠯᠭ᠎ᠠ ᠶᠢ ᠯᠠᠪᠳᠠᠭᠤᠨ ᠪᠠᠲᠤᠲᠠᠢ ᠠᠬᠢᠭᠤᠯᠵᠦ᠂ ᠮᠠᠯᠵᠢᠬᠤ ᠲᠠᠷᠢᠶᠠᠯᠠᠬᠤ 365赢多少钱会被限额_国内有真正的365平台吗_365bet博彩官网 | ᠣᠷᠣᠨ ᠤ ᠬᠥᠭᠵᠢᠯᠲᠡ ᠳᠤ ᠰᠢᠨ᠎ᠡ ᠦᠷ᠎ᠡ ᠪᠦᠲᠦᠮᠵᠢ ᠣᠯᠪᠠ᠃ ᠠᠮᠤ ᠪᠤᠳᠠᠭ᠎ᠠ ᠦᠢᠯᠡᠳᠪᠦᠷᠢᠯᠡᠬᠦ ᠴᠢᠳᠠᠮᠵᠢᠲᠦ ᠣᠷᠣᠨ ᠪᠠ ᠴᠢᠬᠤᠯᠠ ᠪᠣᠯᠬᠤ ᠲᠠᠷᠢᠶᠠᠯᠠᠩ ᠤᠨ | ᠪᠦᠲᠦᠭᠡᠭᠳᠡᠭᠦᠨ ᠤ ᠦᠢᠯᠡᠳᠪᠦᠷᠢᠯᠡᠵᠦ ᠬᠠᠮᠠᠭᠠᠯᠠᠬᠤ ᠣᠷᠣᠨ ᠢ ᠬᠤᠪᠢᠶᠠᠷᠢᠯᠠᠨ ᠲᠣᠭᠲᠠᠭᠠᠵᠦ᠂ ᠦᠨᠳᠦᠷ ᠪᠠᠷᠢᠮᠵᠢᠶᠠᠲᠦ ᠲᠠᠷᠢᠶᠠᠨ ᠭᠠᠵᠠᠷ ᠢ 144 ᠲᠦᠮᠡᠨ ᠮᠦ | ᠰᠢᠨ᠎ᠡ ᠪᠠᠷ ᠨᠡᠮᠡᠭᠳᠡᠭᠦᠯᠪᠡ᠃ ᠲᠠᠷᠢᠮᠠᠯ ᠤᠨ ᠪᠦᠲᠦᠴᠡ ᠶᠢ ᠲᠣᠬᠢᠷᠠᠭᠤᠯᠤᠨ᠂ ᠮᠥᠬᠦᠯᠢᠭᠲᠦ ᠡᠷᠳᠡᠨᠢ ᠰᠢᠰᠢ ᠲᠠᠷᠢᠬᠤ ᠶᠢ ᠪᠠᠭᠠᠰᠬᠠᠵᠤ᠂ ᠰᠢᠷ᠎ᠠ ᠪᠤᠷᠴᠠᠭ ᠪᠠ ᠬᠥᠬᠡ | ᠲᠠᠷᠤᠰᠢᠭᠤᠯᠤᠨᠨᠰᠠᠨ ᠡᠷᠳᠡᠨᠢ ᠰᠢᠰᠢ ᠲᠠᠷᠢᠬᠤ ᠶᠢ ᠨᠡᠮᠡᠭᠳᠡᠭᠦᠯᠪᠡ᠃ ᠲᠦᠮᠦᠰᠦ ᠶᠢ ᠭᠤᠣᠯᠯᠠᠬᠰᠠᠨ ᠠᠮᠤ ᠪᠤᠳᠠᠭ᠎ᠠ ᠪᠤᠯᠭᠠᠬᠤ ᠶᠢ ᠠᠬᠢᠭᠤᠯᠵᠤ᠂ ᠲᠦᠮᠦᠰᠦ ᠶᠢᠨ ᠭᠤᠣᠯ | ᠭᠠᠷᠤᠯᠲᠠ ᠶᠢᠨ ᠤᠷᠤᠨ ᠳᠤ ᠨᠡᠮᠡᠭᠦᠷᠢ ᠦᠭᠭᠦᠨ᠎ᠡ᠃ ᠦᠶᠤᠸᠠᠨ ᠰᠢᠶᠠᠨ ᠵᠡᠷᠭᠡ ᠭᠠᠵᠠᠷ ᠤᠨ ᠬᠤᠵᠢᠷᠰᠢᠭᠰᠠᠨ ᠬᠠᠭᠠᠯᠪᠤᠷᠢᠯᠠᠵᠤ ᠲᠠᠷᠢᠶᠠᠯᠠᠬᠤ ᠭᠠᠵᠠᠷ ᠲᠤ ᠰᠢᠨᠡᠳᠬᠡᠨ | ᠰᠠᠶᠢᠵᠢᠷᠠᠭᠤᠯᠬᠤ ᠲᠤᠷᠰᠢᠯᠳᠠ ᠶᠢᠨ ᠴᠡᠭ ᠢ ᠪᠠᠶᠢᠭᠤᠯᠵᠤ᠂ ᠳᠡᠯᠭᠡᠷᠡᠭᠦᠯᠵᠦ ᠪᠣᠯᠬᠤ ᠮᠡᠷᠭᠡᠵᠢᠯ ᠤᠨ ᠵᠠᠭᠪᠤᠷ ᠲᠠᠢ ᠪᠣᠯᠪᠠ᠃ ᠲᠠᠷᠢᠶᠠᠯᠠᠩ ᠮᠠᠯ ᠠᠵᠤ ᠠᠬᠤᠢ ᠳᠠᠬᠢᠨᠳᠠ | ᠡᠯᠪᠡᠭ ᠬᠤᠷᠢᠶᠠᠯᠲᠠ ᠣᠯᠵᠤ᠂ ᠠᠮᠤ ᠪᠤᠳᠠᠭᠠᠨ ᠤ ᠤᠨᠠᠯᠲᠠ 730.5 ᠳ᠋ᠦᠩᠰᠢᠭᠤᠷ ᠵᠢᠩ ᠳᠤ ᠬᠦᠷᠴᠦ᠂ ᠮᠢᠬᠠᠨ ᠤ ᠲᠦᠷᠦᠯ ᠤᠨ ᠶᠡᠷᠦᠩᠬᠡᠢ ᠭᠠᠷᠤᠯᠲᠠ 257 | ᠲᠦᠮᠡᠨ ᠲᠤᠨ ᠪᠣᠯᠪᠠ᠃ ᠰᠦ᠋ ᠰᠠᠭᠠᠯᠢ ᠶᠢᠨ ᠦᠢᠯᠡᠰ ᠢ ᠬᠥᠭᠵᠢᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠳ᠋ᠧᠩᠺᠧᠥ᠂ ᠬᠤᠷᠢᠨᠭᠡᠷ ᠲᠤ | ᠴᠢᠨᠠᠷ ᠰᠠᠶᠢᠲᠠᠢ ᠪᠡᠯᠴᠢᠭᠡᠷ ᠡᠪᠡᠰᠦ ᠲᠠᠷᠢᠬᠤ ᠲᠣᠷᠰᠢᠯᠲᠠ ᠶᠢᠨ ᠴᠡᠭ ᠪᠠᠶᠢᠭᠤᠯᠤᠨ᠂ ᠰᠠᠭᠠᠯᠢ ᠶᠢᠨ ᠦᠨᠢᠶᠡᠨ ᠤ ᠲᠤᠭ᠎ᠠ ᠲᠤᠯᠤᠭᠠᠢ ᠪᠠ ᠦᠨᠢᠶᠡᠨ ᠰᠦᠨ ᠤ ᠭᠠᠷᠤᠯᠲᠠ | ᠳᠠᠬᠢᠨᠲᠠ ᠳᠡᠭᠡᠭᠰᠢᠯᠡᠨ ᠨᠡᠮᠡᠭᠳᠡᠬᠦ ᠪᠣᠯᠪᠠ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ 11 ᠣᠷᠣᠨ ᠪᠦᠰᠡ ᠶᠢᠨ ᠤᠯᠠᠨ ᠨᠡᠶᠢᠲᠡ ᠶᠢᠨ ᠨᠡᠷᠡᠲᠦ | ᠲᠡᠮᠳᠡᠭ ᠢᠶᠠᠷ 2019 ᠣᠨ ᠤ ᠳᠤᠮᠳᠠᠳᠤ ᠤᠯᠤᠰ ᠤᠨ ᠬᠥᠳᠡᠭᠡ ᠠᠵᠤ ᠠᠬᠤᠢ ᠶᠢᠨ ᠨᠡᠷᠡᠲᠦ ᠲᠡᠮᠳᠡᠭ ᠤᠨ ᠭᠠᠷᠴᠠᠭ ᠲᠤ ᠰᠤᠩᠭᠤᠭᠳᠠᠵᠤ᠂ ᠲᠡᠭᠷᠢ ᠶᠢᠨ ᠬᠡᠰᠢᠭᠳᠦ | ᠪᠤᠷᠤᠳᠤᠬᠤᠢ ᠶᠢᠨ ᠣᠷᠣᠨ ᠪᠦᠰᠡ ᠶᠢᠨ ᠨᠡᠷᠡᠲᠦ ᠲᠡᠮᠳᠡᠭ ᠤᠨ ᠨᠦᠯᠦᠭᠡᠯᠡᠬᠦ ᠬᠦᠴᠦᠨ ᠨᠢ ᠪᠦᠬᠦ ᠤᠯᠤᠰ ᠤᠨ ᠬᠤᠶᠠᠳᠤᠭᠠᠷ ᠲᠤ ᠪᠠᠶᠢᠷᠢᠯᠠᠬᠤ ᠪᠣᠯᠵᠤ᠂ | ᠪᠦᠲᠦᠭᠡᠭᠳᠡᠭᠦᠨ ᠤ ᠦᠨ᠎ᠡ ᠬᠠᠩᠰᠢ ᠶᠢᠨ ᠥᠭᠰᠥᠯᠲᠡ ᠨᠢ 20% ᠠᠴᠠ ᠳᠡᠭᠡᠭᠰᠢ ᠪᠣᠯᠪᠡ᠃ | ᠮᠠᠯᠵᠢᠬᠤ ᠲᠠᠷᠢᠶᠠᠯᠠᠬᠤ ᠣᠷᠣᠨ ᠤ ᠤᠷᠤᠰᠢᠨ ᠰᠠᠭᠤᠷᠢᠰᠢᠬᠤ ᠣᠷᠴᠢᠨ ᠨᠦᠬᠦᠴᠡᠯ ᠢ ᠴᠡᠭᠴᠡᠯᠡᠨ ᠵᠠᠰᠠᠵᠦ᠂ ᠮᠠᠯᠵᠢᠬᠤ ᠲᠠᠷᠢᠶᠠᠯᠠᠬᠤ ᠣᠷᠣᠨ ᠳᠤ ᠠᠷᠢᠭᠤᠨ | ᠴᠡᠪᠡᠷ ᠵᠣᠷᠯᠣᠩ ᠢ ᠲᠦᠭᠡᠮᠡᠯᠵᠢᠭᠦᠯᠦᠭᠰᠡᠨ ᠨᠤᠷᠮ᠎ᠠ 22.4% ᠳᠤ ᠬᠦᠷᠴᠦ᠂ 6.3 ᠵᠠᠭᠤᠨ ᠤ ᠴᠡᠭ ᠳᠡᠭᠡᠭᠰᠢᠯᠡᠪᠡ᠃ ᠪᠠᠶᠢᠭᠤᠯᠤᠮᠵᠢᠲᠦ ᠭᠠᠴᠠᠭ᠎ᠠ ᠲᠤᠰᠬᠤᠨ ᠳᠤ | ᠳᠡᠪᠢᠰᠴᠦ ᠬᠠᠲᠠᠭᠤᠷᠠᠭᠤᠯᠤᠭᠰᠠᠨ ᠵᠠᠮ ᠪᠠ ᠥᠷᠭᠡᠨ ᠪᠦᠰᠡᠲᠦ ᠰᠦᠯᠵᠢᠶ᠎ᠡ ᠶᠢ ᠦᠨᠳᠦᠰᠦᠨ ᠳᠤ ᠪᠠᠨ ᠪᠦᠷᠭᠦᠭᠦᠯᠵᠦ᠂ ᠠᠯᠤᠰ ᠬᠤᠯᠠ ᠪᠤᠶᠢᠲᠠ ᠪᠦᠭᠯᠡᠭᠦᠦ ᠮᠠᠯᠵᠢᠬᠤ | ᠲᠠᠷᠢᠶᠠᠯᠠᠬᠤ ᠣᠷᠣᠨ ᠤ ᠬᠡᠷᠡᠭᠯᠡᠬᠦ ᠴᠠᠬᠢᠯᠭᠠᠨ ᠢ ᠲᠡᠰ ᠳᠡᠪᠰᠢᠭᠦᠯᠦᠨ ᠥᠭᠡᠷᠡᠴᠢᠯᠡᠵᠦ ᠰᠢᠨᠡᠳᠬᠡᠬᠦ ᠶᠢ ᠦᠨᠳᠦᠰᠦᠨ ᠳᠤ ᠪᠠᠨ ᠪᠡᠶᠡᠯᠡᠭᠦᠯᠵᠤ᠂ ︽ᠬᠦᠯᠡᠮᠵᠢ ᠲᠠᠢ | ᠳᠦᠬᠦᠷᠵᠢᠭᠦᠯᠦᠭᠰᠡᠨ ᠭᠡᠷ ᠪᠠᠶᠢᠰᠢᠩ︾ ᠢ ᠲᠤᠰᠬᠠᠶᠢᠯᠠᠨ ᠴᠡᠭᠴᠡᠯᠡᠵᠦ ᠵᠠᠰᠠᠬᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠪᠡ᠃ ᠰᠢᠨ᠎ᠡ ᠪᠠᠷᠭᠤ ᠪᠠᠷᠠᠭᠤᠨ ᠬᠤᠰᠢᠭᠤ᠂ | ᠠᠪᠠᠭ᠎ᠠ ᠬᠤᠰᠢᠭᠤᠨ ᠳᠤ ᠮᠠᠯᠵᠢᠬᠤ ᠣᠷᠣᠨ ᠤ ᠤᠳᠤᠬᠢᠴᠢᠯᠠᠬᠤ ᠲᠣᠷᠰᠢᠯᠲᠠ ᠶᠢᠨ ᠴᠡᠭ᠂ ᠲᠦᠴᠢᠦᠸᠠᠨ ᠰᠢᠶᠠᠨ ᠳᠤ ᠬᠤᠭ ᠨᠣᠪᠰᠢ ᠶᠢ ᠲᠦᠷᠦᠯ ᠠᠩᠬᠢᠯᠠᠨ | ᠰᠢᠢᠳᠪᠦᠷᠢᠯᠡᠬᠦ ᠲᠣᠷᠰᠢᠯᠲᠠ ᠶᠢᠨ ᠴᠡᠭ ᠪᠠ ᠰᠢᠯᠤᠭᠤᠨ ᠬᠥᠬᠡ ᠬᠤᠰᠢᠭᠤᠨ ᠳᠤ ᠮᠠᠯᠵᠢᠬᠤ ᠣᠷᠣᠨ ᠤ ᠵᠣᠷᠯᠣᠩ ᠢ ᠦᠭᠡᠷᠡᠴᠢᠯᠡᠬᠦ ᠲᠣᠷᠰᠢᠯᠲᠠ ᠶᠢᠨ ᠴᠡᠭ ᠤᠨ ᠠᠵᠢᠯ ᠢ | ᠦᠷᠨᠢᠭᠦᠯᠪᠡ᠃ | ︵ᠳᠥᠷᠪᠡ︶ ᠦᠭᠡᠷᠡᠴᠢᠯᠡᠯᠲᠡ ᠨᠡᠭᠡᠭᠡᠯᠲᠡ ᠬᠢᠬᠦ ᠡᠷᠴᠢᠮ ᠢ ᠴᠢᠩᠭᠠᠷᠠᠭᠤᠯᠵᠤ᠂ ᠬᠥᠭᠵᠢᠯᠲᠡ ᠶᠢᠨ ᠬᠦᠳᠡᠯᠭᠡᠭᠴᠢ ᠬᠦᠴᠦᠨ ᠲᠠᠰᠤᠷᠠᠯᠲᠠ ᠦᠭᠡᠢ ᠴᠢᠩᠭᠠᠷᠠᠪᠠ᠃ | ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠵᠠᠬ᠎ᠠ ᠳᠡᠯᠭᠡᠭᠦᠷ ᠤᠨ ᠭᠤᠣᠯ ᠴᠤᠭᠴᠠ 7.2% ᠨᠡᠮᠡᠭᠳᠡᠨ᠂ ᠠᠷᠠᠳ ᠤᠨ | ᠳᠤᠮᠳᠠᠬᠢ ᠪᠡᠯᠡ ᠣᠷᠤᠭᠤᠯᠤᠯᠲᠠ 6.9% ᠨᠡᠮᠡᠭᠳᠡᠪᠡ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠬᠢᠨᠠᠨ ᠵᠥᠪᠰᠢᠶᠡᠷᠡᠬᠦ ᠴᠠᠭ | ᠬᠤᠭᠤᠴᠠᠭ᠎ᠠ ᠶᠢ ᠪᠤᠭᠤᠨᠢᠰᠬᠠᠭᠠᠳ 100 ᠠᠵᠢᠯᠯᠠᠬᠤ ᠡᠳᠦᠷ ᠤᠨ ᠲᠤᠳᠤᠷ᠎ᠠ ᠳᠠᠭᠤᠰᠬᠠᠬᠤ ᠪᠣᠯᠭᠠᠵᠤ᠂ ᠠᠵᠤ ᠠᠬᠤᠶᠢᠯᠠᠯ ᠤᠨ ᠪᠡᠯᠡ ᠣᠷᠤᠭᠤᠯᠤᠭᠰᠠᠨ ᠲᠦᠷᠦᠯ | ᠵᠦᠢᠯ ᠤᠨ ᠬᠠᠷᠭᠤᠭᠤᠯᠤᠨ ᠵᠥᠪᠰᠢᠶᠡᠷᠡᠬᠦ ᠴᠠᠭ ᠬᠤᠭᠤᠴᠠᠭ᠎ᠠ ᠶᠢ ᠭᠤᠷᠪᠠᠨ ᠤ ᠨᠢᠭᠡ ᠪᠠᠷ ᠪᠤᠭᠤᠨᠢᠰᠬᠠᠪᠠ᠃ ᠳᠡᠭᠡᠳᠦ ᠬᠤᠷᠳᠤ ᠶᠢᠨ ᠵᠠᠰᠠᠮᠠᠯ ᠵᠠᠮ ᠤᠨ ᠮᠤᠵᠢ | ᠠᠯᠤᠰᠯᠠᠭᠰᠠᠨ ᠰᠦᠢᠳᠬᠡᠯ ᠬᠤᠷᠢᠶᠠᠬᠤ ᠥᠷᠲᠡᠭᠡ ᠶᠢ ᠬᠦᠴᠦᠨ ᠦᠭᠡᠢ ᠪᠣᠯᠭᠠᠪᠠ᠃ ᠲᠤᠰ ᠱᠠᠲᠤᠨ ᠤ 90% ᠠᠴᠠ ᠳᠡᠭᠡᠭᠰᠢᠬᠢ ᠤᠯᠤᠰ ᠤᠨ ᠦᠮᠴᠢᠯᠡᠯᠲᠦ ᠡᠳ᠋ | ᠬᠦᠷᠦᠩᠭᠡ ᠶᠢ ᠨᠢᠭᠡᠲᠦᠯᠲᠡᠢ ᠬᠢᠨᠠᠨ ᠬᠠᠮᠢᠶᠠᠷᠬᠤ ᠬᠡᠪᠴᠢᠶᠡᠨ ᠳᠤ ᠣᠷᠤᠭᠤᠯᠪᠠ᠃ ᠤᠯᠤᠰ ᠤᠨ ᠥᠮᠴᠢᠯᠡᠯᠲᠦ ᠣᠢ ᠰᠢᠭᠤᠢ ᠶᠢᠨ ᠲᠠᠯᠠᠪᠠᠢ ᠳᠤ ᠥᠭᠡᠷᠡᠴᠢᠯᠡᠯᠲᠡ ᠬᠢᠬᠦ | ᠡᠭᠦᠷᠭᠡ ᠪᠠᠨ ᠪᠥᠬᠦ ᠲᠠᠯ᠎ᠠ ᠪᠠᠷ ᠪᠡᠶᠡᠯᠡᠭᠦᠯᠵᠦ᠂ ᠶᠡᠭᠡ ᠬᠢᠩᠭᠠᠨ ᠳᠠᠪᠠᠭᠠᠨ ᠤ ᠣᠢ ᠰᠢᠭᠤᠢ ᠶᠢᠨ ᠣᠷᠣᠨ ᠤ ᠬᠠᠮᠢᠶᠠᠷᠤᠯᠲᠠ ᠶᠢᠨ ᠪᠠᠶᠢᠭᠤᠯᠤᠯ ᠢ ᠤᠯᠠᠮ ᠨᠢᠭᠡ ᠠᠯᠬᠤᠮ | ᠰᠢᠯᠤᠭᠤᠳᠬᠠᠪᠠ᠃ ᠭᠠᠳᠠᠭᠠᠲᠤ ᠨᠡᠭᠡᠭᠡᠯᠲᠡ ᠬᠢᠬᠦ ᠬᠢᠷᠢ ᠲᠥᠪᠰᠢᠨ ᠳᠡᠭᠡᠭᠰᠢᠯᠡᠵᠦ᠂ ᠪᠦᠬᠦ ᠣᠷᠣᠨ ᠤ ᠭᠠᠳᠠᠭᠠᠳᠤ ᠠᠴᠠ ᠣᠷᠤᠭᠤᠯᠵᠤ ᠭᠠᠳᠠᠭᠠᠲᠤ ᠳᠤ ᠭᠠᠷᠭᠠᠭᠰᠠᠨ | ᠶᠡᠷᠦᠩᠬᠡᠢ ᠲᠤᠭ᠎ᠠ 5.9% ᠨᠡᠮᠡᠭᠳᠡᠨ ᠂ ᠮᠠᠨ ᠤ ᠣᠷᠣᠨ ᠠᠴᠠ ᠠᠶᠠᠯᠠᠯ ᠢᠶᠠᠨ ᠡᠬᠢᠯᠡᠬᠦᠯᠦᠭᠰᠡᠨ ᠳᠤᠮᠳᠠᠳᠤ ᠡᠸᠦ᠋ᠷᠦᠫᠡ ᠶᠢᠨ ᠵᠢᠱᠢᠶᠡᠨ ᠤ ᠭᠠᠯᠲᠤ ᠲᠡᠷᠭᠡᠨ ᠤ ᠡᠭᠡᠯᠵᠢ | 20.4% ᠨᠡᠮᠡᠭᠳᠡᠪᠡ᠃ ︽ᠨᠢᠭᠡ ᠪᠦᠰᠡ ᠨᠢᠭᠡ ᠵᠠᠮ · ᠭᠡᠷᠡᠯ ᠭᠡᠭᠡ ᠶᠢᠨ ᠠᠶᠠᠯᠠᠯ︾ ᠤᠨ ᠮᠣᠩᠭᠤᠯ ᠤᠯᠤᠰ ᠲᠠᠬᠢ ᠠᠵᠢᠯᠯᠠᠭᠠᠨ ᠢ ᠬᠡᠷᠡᠭᠵᠢᠭᠦᠯᠵᠦ᠂ ᠪᠡᠯᠡ | ᠣᠷᠤᠭᠤᠯᠵᠦ ᠠᠷᠠᠯᠵᠢᠶᠠᠯᠠᠬᠤ ᠬᠠᠮᠲᠤᠷᠠᠯᠴᠠᠭ᠎ᠠ᠂ ᠯᠢᠶᠣᠤ ᠤᠯᠤᠰ ᠤᠨ ᠦᠶ᠎ᠡ ᠶᠢᠨ ᠲᠡᠦᠬᠡ ᠶᠢᠨ ᠳᠤᠷᠠᠰᠬᠠᠯᠲᠤ ᠵᠦᠢᠯ ᠤᠨ ᠦᠵᠡᠰᠭᠦᠯᠡᠩ᠂ ᠡᠮᠴᠢᠯᠡᠭᠡᠨ ᠤ | ᠦᠢᠯᠡᠴᠢᠯᠡᠭᠡ᠂ ᠰᠤᠷᠭᠠᠨ ᠬᠦᠮᠦᠵᠢᠯ ᠰᠤᠶᠤᠯ ᠤᠨ ᠰᠣᠯᠢᠯᠴᠠᠭ᠎ᠠ ᠵᠡᠷᠭᠡ ᠠᠵᠢᠯᠯᠠᠭ᠎ᠠ ᠶᠢ ᠦᠷᠨᠢᠭᠦᠯᠪᠡ᠃ ᠳᠤᠮᠳᠠᠳᠤ ᠮᠣᠩᠭᠤᠯ ᠬᠤᠶᠠᠷ ᠤᠯᠤᠰ ᠡᠷᠢᠶᠡᠨ ᠬᠤᠲᠠ — | ᠵᠠᠮ ᠤᠨ ᠡᠭᠦᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠢ ᠪᠦᠲᠦᠭᠡᠨ ᠪᠠᠶᠢᠭᠤᠯᠬᠤ ᠵᠦᠪᠯᠡᠯᠴᠡᠭᠡᠷ ᠲᠤ ᠭᠠᠷ ᠤᠨ ᠦᠰᠦᠭ ᠵᠢᠷᠤᠵᠤ ᠲᠣᠬᠢᠷᠠᠯᠴᠠᠪᠠ᠃ | ᠭᠤᠷᠪᠠᠳᠤᠭᠠᠷ ᠬᠤᠭᠤᠴᠠᠭᠠᠨ ᠤ ᠳᠤᠮᠳᠠᠳᠤ ᠮᠤᠩᠭᠤᠯ ᠤᠨ ᠦᠵᠡᠰᠭᠦᠯᠡᠩ ᠢ ᠠᠮᠵᠢᠯᠲᠠ ᠲᠠᠢ ᠡᠷᠬᠢᠯᠡᠪᠡ᠃ ᠣᠷᠣᠰ ᠤᠨ ᠢᠷᠺᠦ᠋ᠼᠺ᠂ ᠺᠷᠠᠰᠨᠤᠲ᠋ᠦ᠋ᠷᠢᠨᠰᠺ ᠵᠡᠷᠭᠡ ᠬᠥᠷᠰᠢ | ᠵᠡᠷᠭᠡᠯᠡᠳᠡᠭᠡ ᠭᠠᠵᠠᠷ ᠣᠷᠣᠨ ᠯᠤᠭ᠎ᠠ ᠵᠠᠰᠠᠭ ᠤᠨ ᠣᠷᠳᠣᠨ ᠤ ᠬᠤᠭᠤᠷᠤᠨᠳᠤᠬᠢ ᠲᠣᠭᠲᠠᠮᠠᠯ ᠬᠤᠭᠤᠴᠠᠭ᠎ᠠ ᠲᠠᠢ ᠠᠭᠤᠯᠵᠠᠯᠲᠠ ᠬᠢᠬᠦ ᠪᠠ ᠰᠣᠯᠢᠯᠴᠠᠭ᠎ᠠ ᠬᠠᠮᠲᠤᠷᠠᠯᠴᠠᠭ᠎ᠠ | ᠥᠷᠨᠢᠭᠦᠯᠬᠦ ᠲᠣᠭᠲᠠᠴᠠ ᠶᠢ ᠪᠠᠶᠢᠭᠤᠯᠪᠠ᠃ ᠠᠷᠠᠪ ᠤᠨ ᠬᠤᠯᠪᠣᠭᠠᠲᠤ ᠠᠬᠠᠮᠠᠳᠲᠤ ᠤᠯᠤᠰ ᠪᠠ ᠤᠯᠠᠭᠠᠨᠬᠠᠳᠠ ᠶᠢᠨ ︽ᠨᠢᠭᠡ ᠪᠦᠰᠡ ᠨᠢᠭᠡ ᠵᠠᠮ︾ ᠤᠨ ᠮᠠᠯ ᠪᠡᠯᠴᠢᠭᠡᠷ | ᠠᠷᠠᠴᠢᠯᠠᠬᠤ ᠠᠵᠢᠯ ᠢ ᠨᠢᠭᠡ ᠴᠤᠭᠴᠠᠵᠢᠭᠤᠯᠬᠤ ᠲᠦᠷᠦᠯ ᠵᠦᠢᠯ᠂ ᠢᠰᠷᠧᠯ ᠪᠠ ᠪᠠᠶᠠᠨᠨᠠᠭᠤᠷ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ | ᠬᠦᠷᠢᠶᠡᠯᠡᠩ ᠤᠨ ᠲᠦᠷᠦᠯ ᠵᠦᠢᠯ ᠪᠠᠶᠢᠭᠤᠯᠬᠤ ᠶᠢ ᠬᠡᠷᠡᠭᠵᠢᠭᠦᠯᠵᠦ᠂ ᠶᠠᠫᠤᠨ᠂ ᠪᠧᠯᠦᠷᠦ᠋ᠰ ᠵᠡᠷᠭᠡ ᠤᠯᠤᠰ ᠯᠤᠭ᠎ᠠ ᠶᠢᠨ ᠪᠤᠲᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ | ᠴᠢᠩᠭᠠᠳᠬᠠᠪᠠ᠃ ᠤᠯᠠᠭᠠᠨᠴᠠᠪ — ᠡᠷᠢᠶᠡᠨ ᠬᠤᠳᠠ ᠶᠢᠨ ᠬᠠᠭᠤᠷᠠᠢ ᠳᠠᠬᠢ ᠭᠠᠷᠠᠮ ᠢ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠤᠷᠤᠨ ᠤ ᠪᠦᠲᠦᠭᠡᠨ | ᠪᠠᠶᠢᠭᠤᠯᠤᠯᠲᠠ ᠶᠢᠨ ᠨᠡᠷᠡᠰ ᠲᠤ ᠵᠢᠭᠰᠠᠭᠠᠨ ᠣᠷᠤᠭᠤᠯᠵᠤ᠂ ᠤᠯᠠᠭᠠᠨᠴᠠᠪ ᠤᠨ ᠭᠠᠶᠢᠯᠢ ᠪᠠᠳᠤᠯᠠᠬᠤ ᠪᠠᠷᠠᠭᠠᠨ ᠤ ᠭᠦᠢᠯᠭᠡᠭᠡᠨ ᠤ ᠲᠥᠪ ᠪᠠᠶᠢᠭᠤᠯᠬᠤ ᠵᠥᠪᠰᠢᠶᠡᠷᠡᠯ ᠢ | ᠣᠯᠵᠤ᠂ ᠣᠷᠳᠤᠰ ᠤᠨ ᠶᠡᠷᠦᠩᠬᠡᠶᠢᠯᠡᠭᠰᠡᠨ ᠭᠠᠶᠢᠯᠢ ᠪᠠᠳᠤᠯᠠᠬᠤ ᠣᠷᠣᠨ ᠪᠠ ᠪᠠᠶᠠᠨᠨᠠᠭᠤᠷ ᠤᠨ ᠭᠠᠶᠢᠯᠢ ᠪᠠᠳᠤᠯᠠᠬᠤ ᠪᠠᠷᠠᠭᠠᠨ ᠤ ᠭᠦᠢᠯᠭᠡᠭᠡᠨ ᠤ ᠲᠥᠪ ᠪᠤᠭᠤᠮᠲᠠ | ᠬᠠᠭᠠᠵᠦ ᠠᠵᠢᠯᠯᠠᠬᠤ ᠪᠣᠯᠪᠠ᠃ ᠬᠤᠶᠠᠳᠤᠭᠠᠷ ᠬᠤᠭᠤᠴᠠᠭᠠᠨ ᠤ ᠷᠠᠰᠢᠶᠠᠨ ᠤ ᠶᠠᠷᠢᠶᠠᠨ ᠤ ᠲᠠᠪᠴᠠᠩ ᠡᠷᠬᠢᠯᠡᠬᠦ ᠶᠢ ᠳᠡᠮᠵᠢᠪᠡ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠦᠨ᠂ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ᠂ ᠬᠤᠸᠠ ᠳ᠋ᠠ ᠭᠧᠨ ᠤ ᠺᠤᠮᠫᠠᠨᠢ᠂ ᠳᠤᠮᠳᠠᠳᠤ | ᠤᠯᠤᠰ ᠤᠨ ᠬᠤᠳᠠᠯᠳᠤᠭᠠᠨ ᠤ ᠬᠡᠷᠡᠭᠯᠡᠭᠡᠨ ᠤ ᠨᠢᠰᠬᠡᠯ᠂ ᠫᠢᠩ ᠠᠨ ᠪᠦᠯᠦᠭᠯᠡᠯ᠂ ᠬᠤᠸᠠ ᠸᠧᠢ᠂ ᠲᠧᠩ ᠰᠢᠶᠦ᠋ᠨ᠂ ᠳᠣᠬᠢᠭᠤᠷ ᠳᠣᠯᠤᠭ᠎ᠠ ᠳᠠᠭᠠᠭᠤᠯᠢ ᠣᠳᠣᠨ ᠤ | ᠠᠭᠠᠷ ᠰᠠᠨᠰᠠᠷ ᠤᠨ ᠪᠦᠯᠦᠭᠯᠡᠯ ᠵᠡᠷᠭᠡ ᠯᠦᠭᠡ ᠶᠢᠨ ᠪᠠᠶᠢᠯᠳᠤᠬᠤ ᠪᠣᠳᠣᠯᠭ᠎ᠠ ᠶᠢᠨ ᠲᠠᠯ᠎ᠠ ᠪᠠᠷ ᠬᠢ ᠬᠠᠮᠲᠤᠷᠠᠨ ᠠᠵᠢᠯᠯᠠᠬᠤ ᠶᠢ ᠭᠦᠨᠵᠡᠭᠡᠶᠢᠷᠡᠭᠦᠯᠪᠡ᠃ ᠭᠤᠷᠪᠠᠳᠤᠭᠠᠷ | ᠬᠤᠭᠤᠴᠠᠭᠠᠨ ᠤ ᠥᠪᠥᠷ ᠮᠣᠩᠭᠤᠯ ᠤᠨ ᠬᠤᠳᠠᠯᠳᠤᠭᠠᠴᠢᠳ ᠤᠨ ᠶᠡᠭᠡ ᠬᠤᠷᠠᠯ ᠢ ᠬᠤᠷᠠᠯᠳᠤᠭᠤᠯᠵᠤ᠂ ᠥᠪᠥᠷ ᠮᠣᠩᠭᠤᠯ ᠤᠨ ᠬᠤᠳᠠᠯᠳᠤᠭᠠᠴᠢᠳ ᠤᠨ ᠨᠥᠯᠥᠭᠡᠯᠡᠬᠦ | ᠬᠦᠴᠦᠨ ᠢ ᠦᠷᠭᠦᠯᠵᠢᠯᠡᠨ ᠥᠷᠭᠡᠳᠬᠡᠪᠡ᠃ | ︵ᠲᠠᠪᠤ︶ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠬᠤ ᠪᠠ ᠰᠠᠶᠢᠵᠢᠷᠠᠭᠤᠯᠵᠤ᠂ ᠠᠷᠠᠳ ᠤᠨ ᠠᠮᠢᠳᠤᠷᠠᠯ ᠤᠨ ᠬᠢᠷᠢ ᠲᠥᠪᠰᠢᠨ ᠢ ᠲᠣᠭᠲᠠᠭᠤᠨ ᠢᠶᠠᠷ | ᠳᠡᠭᠡᠭᠰᠢᠯᠡᠭᠦᠯᠪᠡ᠃ ᠠᠵᠢᠯ ᠣᠯᠭᠤᠯᠲᠠ ᠶᠢ ᠪᠦᠬᠦ ᠬᠦᠴᠦᠨ ᠢᠶᠠᠷ ᠢᠶᠠᠨ ᠲᠣᠭᠲᠠᠪᠤᠷᠢᠵᠢᠭᠤᠯᠤᠨ ᠠᠬᠢᠭᠤᠯᠵᠤ᠂ ᠬᠤᠲᠠ ᠪᠠᠯᠭᠠᠰᠤᠨ ᠤ ᠠᠵᠢᠯ ᠤᠯᠤᠭᠰᠠᠳ 26.3 | ᠲᠦᠮᠡᠨ ᠬᠦᠮᠦᠨ ᠰᠢᠨ᠎ᠡ ᠪᠠᠷ ᠨᠡᠮᠡᠭᠳᠡᠵᠦ᠂ ᠣᠨ ᠤ ᠲᠦᠯᠦᠪᠯᠡᠭᠡ ᠶᠢᠨ 119.6% ᠶᠢ ᠪᠡᠶᠡᠯᠡᠭᠦᠯᠪᠡ︔ ᠬᠤᠲᠠ ᠪᠠᠯᠭᠠᠰᠤᠨ ᠳᠤ ᠳᠠᠩᠰᠠᠯᠠᠨ ᠲᠡᠮᠲᠡᠭᠯᠡᠭᠦᠯᠦᠭᠰᠡᠨ | ᠠᠵᠢᠯ ᠠᠯᠳᠠᠭᠰᠠᠳ ᠤᠨ ᠨᠤᠷᠮ᠎ᠠ 3.7% ᠳᠤ ᠬᠦᠷᠴᠦ᠂ ᠡᠵᠡᠮᠰᠢᠬᠦ ᠬᠠᠷᠠᠯᠲᠠ ᠠᠴᠠ ᠳᠣᠣᠷ᠎ᠠ ᠪᠣᠯᠪᠠ᠃ ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠥᠷᠢᠲᠦᠵᠦ | ᠪᠠᠶᠢᠭ᠎ᠠ ᠴᠠᠯᠢᠩ ᠤᠨ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠪᠡ᠃ ᠳᠦᠭᠦᠮ ᠪᠦᠲᠦᠴᠡᠲᠦ ᠣᠷᠣᠨ ᠰᠠᠭᠤᠴᠠ ᠶᠢ ᠦᠭᠡᠷᠡᠴᠢᠯᠡᠨ ᠰᠠᠶᠢᠵᠢᠷᠠᠭᠤᠯᠬᠤ ᠣᠨ ᠤ | ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠤᠯᠠᠭᠠᠨᠴᠠᠪ ᠬᠤᠲᠠ ᠶᠢ ᠳᠦᠭᠦᠮ ᠪᠦᠲᠦᠴᠡᠲᠦ ᠣᠷᠣᠨ ᠰᠠᠭᠤᠴᠠ ᠶᠢᠨ | ᠦᠭᠡᠷᠡᠴᠢᠯᠡᠨ ᠰᠠᠶᠢᠵᠢᠷᠠᠭᠤᠯᠬᠤ ᠠᠵᠢᠯ ᠤᠨ ᠤᠷᠮᠠᠰᠢᠭᠤᠯᠬᠤ ᠬᠤᠲᠠ ᠪᠠᠷ ᠲᠣᠭᠲᠠᠭᠠᠪᠠ᠃ 103 ᠬᠤᠰᠢᠭᠤ ᠰᠢᠶᠠᠨ ᠬᠤᠲᠠ ᠲᠤᠭᠤᠷᠢᠭ ᠲᠤ ᠠᠯᠪᠠᠨ ᠵᠢᠷᠤᠮ ᠤᠨ | ᠰᠤᠷᠭᠠᠨ ᠬᠦᠮᠦᠵᠢᠯ ᠢ ᠦᠨᠳᠦᠰᠦᠨ ᠳᠤ ᠪᠠᠨ ᠲᠡᠩᠴᠡᠭᠦᠷᠢᠲᠡᠢ ᠪᠠᠶᠢᠯᠭᠠᠬᠤ ᠶᠢ ᠪᠡᠶᠡᠯᠡᠭᠦᠯᠵᠦ᠂ ᠦᠨᠳᠦᠷ ᠳᠤᠮᠳᠠᠳᠤ ᠶᠢᠨ ᠱᠠᠲᠤᠨ ᠤ ᠰᠤᠷᠭᠠᠭᠤᠯᠢ ᠳᠤ ᠣᠷᠣᠭᠰᠠᠨ | ᠰᠤᠷᠤᠭᠴᠢᠳ ᠤᠨ ᠪᠦᠭᠦ ᠲᠤᠭ᠎ᠠ ᠨᠢ ᠪᠦᠬᠦ ᠤᠯᠤᠰ ᠤᠨ ᠲᠡᠭᠰᠢᠳᠭᠡᠭᠰᠡᠨ ᠬᠢᠷᠢ ᠲᠦᠪᠰᠢᠨ ᠠᠴᠠ 5.7 ᠵᠠᠭᠤᠨ ᠤ ᠴᠡᠭ ᠦᠨᠳᠦᠷ ᠪᠣᠯᠪᠠ᠃ ᠲᠥᠪ ᠤᠨ | ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠬᠦᠬᠡᠬᠤᠲᠠ ᠳᠠᠬᠢ ᠬᠤᠪᠢᠶᠠᠷᠢ ᠰᠤᠷᠭᠠᠭᠤᠯᠢ ᠡᠬᠢᠯᠡᠨ ᠰᠤᠷᠤᠭᠴᠢ ᠡᠯᠰᠡᠪᠡ᠃ | ᠠᠵᠢᠯ ᠠᠴᠠ ᠪᠠᠨ ᠪᠠᠭᠤᠵᠤ ᠠᠮᠠᠷᠠᠭᠰᠠᠨ ᠬᠦᠮᠦᠰ ᠤᠨ ᠨᠠᠰᠤᠵᠢᠯ ᠤᠨ ᠮᠦᠩᠭᠦ᠂ ᠬᠤᠲᠠ ᠬᠦᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ | ᠪᠠᠷᠢᠮᠵᠢᠶ᠎ᠠ ᠶᠢ ᠳᠡᠭᠡᠭᠰᠢᠯᠡᠭᠦᠯᠪᠡ᠃ ᠬᠡᠰᠡᠭ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠨᠡᠶᠢᠭᠡᠮ ᠤᠨ ᠳᠠᠭᠠᠳᠬᠠᠯ ᠤᠨ ᠠᠰᠠᠭᠤᠳᠠᠯ ᠢ ᠰᠢᠢᠳᠪᠦᠷᠢᠯᠡᠪᠡ᠃ ᠬᠦᠨᠳᠦ | ᠡᠪᠡᠳᠴᠢᠨ ᠤ ᠳᠠᠭᠠᠳᠬᠠᠯ ᠤᠨ ᠡᠬᠢᠯᠡᠵᠦ ᠲᠦᠯᠦᠬᠦ ᠪᠠᠷᠢᠮᠵᠢᠶ᠎ᠠ ᠶᠢ ᠪᠠᠭᠤᠷᠠᠭᠤᠯᠵᠤ᠂ ᠲᠠᠩᠰᠠ ᠲᠠᠶᠢᠯᠬᠤ ᠬᠠᠷᠢᠴᠠᠯ ᠢ ᠳᠡᠭᠡᠭᠰᠢᠯᠡᠭᠦᠯᠦᠨ᠂ ᠴᠢᠰᠤᠨ ᠳᠠᠷᠤᠯᠲᠠ ᠦᠨᠳᠦᠷ | ᠂ ᠰᠢᠬᠢᠷ ᠰᠢᠵᠢᠩ ᠡᠪᠡᠳᠴᠢᠨ ᠵᠡᠷᠭᠡ ᠶᠢᠨ ᠡᠭᠦᠳᠡᠨ ᠡᠮᠨᠡᠯᠬᠡ ᠳᠤ ᠬᠡᠷᠡᠭᠯᠡᠬᠦ ᠡᠮ ᠢ ᠡᠮᠴᠢᠯᠡᠬᠡᠨ ᠤ ᠳᠠᠭᠠᠳᠬᠠᠯ ᠤᠨ ᠬᠡᠪᠴᠢᠶᠡᠨ ᠳᠤ ᠣᠷᠤᠭᠤᠯᠪᠠ᠃ ︽ᠭᠡᠷᠡᠯ | ᠭᠡᠭᠡ ᠶᠢᠨ ᠠᠶᠠᠯᠠᠯ︾ ᠤᠨ ᠠᠵᠢᠯᠯᠠᠭ᠎ᠠ ᠪᠠᠷ ᠨᠡᠶᠢᠲᠡ 2.6 ᠲᠦᠮᠡᠨ ᠡᠪᠡᠳᠴᠢᠲᠡᠨ ᠳᠤ ᠬᠠᠷᠠᠭ᠎ᠠ ᠣᠷᠤᠭᠤᠯᠬᠤ ᠮᠡᠰᠡ ᠵᠠᠰᠠᠯ ᠬᠢᠵᠦ ᠥᠭᠪᠡ᠃ ᠰᠦᠨᠢᠳ ᠵᠡᠭᠦᠨ | ᠬᠤᠰᠢᠭᠤ᠂ ᠳᠥᠷᠪᠡᠳ ᠬᠤᠰᠢᠭᠤᠨ ᠤ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠪᠦᠲᠦᠮᠵᠢᠲᠡᠢ ᠰᠡᠷᠭᠡᠶᠢᠯᠡᠨ ᠡᠵᠡᠮᠰᠢᠪᠡ᠃ ᠪᠤᠷᠤᠳᠤᠬᠤᠢ ᠶᠢᠨ ᠤᠰᠤᠯᠠᠯᠲᠠ ᠶᠢᠨ | ᠣᠷᠣᠨ ᠨᠢ ᠳᠡᠯᠡᠬᠡᠢ ᠶᠢᠨ ᠤᠰᠤᠯᠠᠯᠲᠠ ᠶᠢᠨ ᠢᠨᠵᠧᠨᠧᠷᠢᠩ ᠤᠨ ᠥᠪ ᠤᠨ ᠨᠡᠷᠡᠰ ᠲᠤ ᠰᠤᠩᠭᠤᠨᠨᠳᠠᠪᠠ᠃ ᠤᠯᠠᠭᠠᠨᠮᠦ᠋ᠴᠢᠷ ᠤᠨ ᠬᠢᠨ ᠣᠨᠳᠣᠣ ᠭᠠᠵᠠᠷ ᠲᠤ ᠰᠤᠯᠢᠯᠴᠠᠬᠤ | ᠲᠣᠭᠯᠠᠯᠲᠠ ᠭᠠᠷᠭᠠᠪᠠ᠃ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠲᠠᠯᠠᠪᠤᠷ | ᠣᠷᠳᠣᠨ ᠪᠦᠬᠦᠨ ᠢ ᠪᠠᠶᠢᠭᠤᠯᠵᠦ ᠲᠠᠭᠤᠰᠬᠠᠨᠨᠰᠠᠨ ᠪᠦᠭᠡᠳ ᠠᠰᠢᠭᠯᠠᠯᠲᠠ ᠳᠤ ᠣᠷᠤᠭᠤᠯᠪᠠ᠃ ᠨᠡᠶᠢᠬᠡᠮ ᠲᠡᠬᠡᠷᠡᠬᠢ ᠬᠥᠯ ᠪᠦᠮᠪᠦᠭᠡᠨ ᠤ ᠲᠠᠯᠠᠪᠤᠷ ᠢ ᠨᠡᠶᠢᠲᠡ 1271 | ᠪᠠᠶᠢᠭᠤᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠳᠠᠬᠢ ᠪᠦᠲᠦᠭᠡᠨ ᠪᠠᠶᠢᠭᠤᠯᠬᠤ ᠡᠭᠦᠷᠭᠡ ᠪᠠᠨ ᠤᠷᠢᠳᠴᠢᠯᠠᠨ ᠪᠡᠶᠡᠯᠡᠭᠦᠯᠪᠡ᠃ ᠮᠠᠨ ᠤ | ᠣᠷᠣᠨ ᠤ ᠲᠠᠮᠢᠷᠴᠢᠳ ᠤᠯᠤᠰ ᠤᠨ ᠳᠡᠰ ᠠᠴᠠ ᠳᠡᠭᠡᠭᠰᠢᠬᠢ ᠣᠷᠤᠯᠳᠤᠭᠠᠨ ᠳᠤ 116 ᠤᠳᠠᠭ᠎ᠠ ᠮᠠᠩᠯᠠᠶᠢᠯᠠᠪᠠ᠃ | ᠠᠮᠤᠭᠤᠯᠠᠩ ᠲᠠᠶᠢᠪᠣᠩ ᠦᠪᠦᠷ ᠮᠣᠩᠭᠤᠯ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠪᠠ᠃ ᠠᠭᠤᠷᠬᠠᠢ᠂ ᠠᠶᠤᠯᠲᠠᠢ ᠬᠢᠮᠢ ᠶᠢᠨ ᠪᠤᠳᠠᠰ ᠤᠨ ᠠᠮᠦᠷ | ᠲᠥᠪᠰᠢᠨ ᠤ ᠲᠠᠯ᠎ᠠ ᠪᠠᠷ ᠬᠢ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠢᠳᠡᠭᠡᠨ ᠤ ᠪᠠ ᠡᠮ ᠤᠨ ᠵᠦᠢᠯ᠂ ᠭᠠᠯ ᠰᠡᠷᠭᠡᠶᠢᠯᠡᠨ ᠤᠨᠲᠠᠷᠠᠭᠠᠬᠤ᠂ ᠵᠠᠮ | ᠬᠠᠷᠢᠯᠴᠠᠭ᠎ᠠ ᠵᠡᠷᠭᠡ ᠬᠦᠷᠢᠶ᠎ᠡ ᠴᠠᠷᠠᠭᠠᠨ ᠤ ᠠᠮᠦᠷ ᠲᠥᠪᠰᠢᠨ ᠤ ᠲᠠᠯ᠎ᠠ ᠪᠠᠷ ᠬᠢ ᠲᠥᠭᠰᠢᠭᠦᠷᠢ ᠶᠢ ᠰᠡᠷᠭᠡᠶᠢᠯᠡᠨ ᠡᠵᠡᠮᠰᠢᠬᠦ ᠴᠢᠳᠠᠪᠤᠷᠢ ᠪᠠᠨ ᠳᠡᠭᠡᠭᠰᠢᠯᠡᠭᠦᠯᠵᠦ᠂ ᠠᠶᠤᠯ | ᠦᠭᠡᠢ ᠦᠢᠯᠡᠳᠪᠦᠷᠢᠯᠡᠯ ᠤᠨ ᠪᠠᠶᠢᠳᠠᠯ ᠢ ᠶᠡᠷᠦᠩᠬᠡᠢ ᠳᠤ ᠨᠢ ᠲᠣᠭᠲᠠᠭᠤᠨ ᠪᠠᠶᠢᠯᠭᠠᠪᠠ᠃ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ | ᠭᠦᠨᠵᠡᠭᠡᠢ ᠦᠷᠨᠢᠭᠦᠯᠵᠦ᠂ ᠨᠢᠭᠡ ᠪᠦᠯᠦᠭ ᠬᠠᠷ᠎ᠠ ᠪᠦᠯᠦᠭᠲᠡᠨ ᠬᠠᠷᠬᠢᠰ ᠬᠦᠴᠦᠨ ᠵᠢᠴᠢ ᠲᠡᠭᠦᠨ ᠤ ᠬᠠᠮᠠᠭᠠᠯᠬᠠᠴᠢ ᠰᠢᠬᠦᠷ ᠢ ᠠᠷᠢᠯᠭᠠᠨ᠂ ᠠᠷᠠᠳ ᠲᠦᠮᠡᠨ ᠤ ᠠᠮᠦᠷ | ᠲᠥᠪᠰᠢᠨ ᠤ ᠲᠠᠯ᠎ᠠ ᠪᠠᠷ ᠬᠢ ᠲᠦᠷᠦᠭᠳᠡᠯ ᠢ ᠨᠢ ᠴᠢᠩᠭᠠᠷᠠᠭᠤᠯᠪᠠ᠃ | ᠲᠦᠯᠦᠭᠡᠯᠡᠭᠴᠢᠳ ᠡ︕ ᠦᠩᠭᠡᠷᠡᠭᠰᠡᠨ ᠨᠢᠭᠡ ᠵᠢᠯ ᠳᠤ ᠪᠢᠳᠡ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠴᠣᠭᠴᠠᠯᠠᠨ ᠪᠠᠶᠢᠭᠤᠯᠬᠤ ᠠᠵᠢᠯ ᠢ ᠯᠠᠪᠳᠠᠭᠤᠨ | ᠪᠠᠲᠤᠲᠠᠢ ᠦᠷᠨᠢᠭᠦᠯᠵᠦ᠂ 27 ᠬᠠᠮᠲᠤ ᠪᠠ 33 ᠬᠤᠪᠢ ᠬᠦᠮᠦᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠪᠠ | ᠵᠢᠱᠢᠶᠡᠴᠢ ᠬᠤᠪᠢ ᠬᠦᠮᠦᠨ ᠢᠶᠠᠷ ᠦᠨᠡᠯᠡᠭᠳᠡᠪᠡ᠃ ᠳᠦᠬᠢᠮᠠ ᠨᠦᠬᠦᠷ ︽ᠠᠷᠠᠳ ᠤᠨ ᠵᠢᠱᠢᠶᠡᠴᠢ︾ ᠬᠡᠮᠡᠬᠦ ᠤᠯᠤᠰ ᠤᠨ ᠢᠷᠠᠭᠤ ᠠᠯᠳᠠᠷ ᠤᠨ ᠴᠣᠯᠠ ᠬᠦᠷᠲᠡᠪᠡ᠃ ︽ | ᠬᠢᠲᠠᠳ ᠮᠣᠩᠭᠤᠯ ᠬᠠᠤᠯᠢ ᠴᠠᠭᠠᠵᠠ ᠶᠢᠨ ᠬᠡᠷᠡᠭᠯᠡᠭᠡᠨ ᠤ ᠪᠦᠷᠢᠨ ᠲᠣᠯᠢ︾ ᠶᠢ ᠨᠠᠶᠢᠷᠠᠭᠤᠯᠪᠠ᠃ ᠳᠠᠭᠤᠷ ᠬᠡᠯᠡ᠂ ᠣᠷᠴᠤᠨ ᠬᠡᠯᠡ᠂ ᠡᠸᠡᠩᠬᠢ ᠬᠡᠯᠡᠨ ᠤ ᠬᠡᠯᠡ | ᠰᠤᠶᠤᠯ ᠤᠨ ᠲᠤᠮᠤ ᠳ᠋ᠠᠶᠢᠲ᠋ᠠ ᠶᠢ ᠴᠤᠭᠯᠠᠭᠤᠯᠬᠤ ᠪᠠ ᠲᠠᠪᠴᠠᠩ ᠢ ᠪᠦᠲᠦᠭᠡᠨ ᠪᠠᠶᠢᠭᠤᠯᠬᠤ ᠠᠵᠢᠯ ᠤᠷᠤᠭᠰᠢᠲᠠᠢ ᠶᠠᠪᠤᠭᠳᠠᠵᠤ᠂ ᠣᠷᠴᠤᠨ ᠬᠡᠯᠡᠨ ᠤ ᠲᠣᠯᠢ ᠶᠢ | ᠨᠠᠶᠢᠷᠠᠭᠤᠯᠵᠦ ᠳᠠᠭᠤᠰᠬᠠᠪᠠ᠃ | ᠱᠠᠰᠢᠨ ᠰᠤᠷᠲᠠᠬᠤᠨ ᠤ ᠲᠣᠬᠠᠢ ᠨᠠᠮ ᠤᠨ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠯᠲᠠ᠂ ᠬᠤᠶᠠᠷ ᠢ ᠬᠦᠷᠢᠶᠡᠯᠡᠬᠦ ᠪᠠ ᠠᠰᠠᠷᠠᠨ ᠬᠠᠷᠠᠭᠠᠯᠵᠠᠬᠤ᠂ ᠲᠤᠭ᠎ᠠ ᠪᠦᠷᠢᠳᠭᠡᠯ ᠪᠠᠶᠢᠴᠠᠭᠠᠯᠲᠠ᠂ ᠭᠠᠵᠠᠷ ᠬᠦᠳᠡᠯᠦᠯᠲᠡ ᠴᠠᠭ ᠠᠭᠤᠷ᠂ ᠨᠡᠶᠢᠭᠡᠮ ᠤᠨ | ᠰᠢᠨᠵᠢᠯᠡᠬᠦ ᠤᠬᠠᠭᠠᠨ᠂ ᠳᠠᠩᠰᠠ ᠡᠪᠬᠡᠮᠡᠯ ᠲᠡᠦᠬᠡ ᠣᠶᠢᠯᠠᠯᠭ᠎ᠠ᠂ ᠵᠦᠪᠳᠡᠭᠴᠢ ᠪᠠ ᠲᠡᠦᠬᠡ ᠰᠤᠶᠤᠯ ᠵᠡᠷᠭᠡ ᠠᠵᠢᠯ ᠤᠳ ᠢ ᠴᠢᠩᠭᠠᠳᠬᠠᠵᠤ᠂ ᠠᠵᠢᠯᠴᠢᠨ ᠤ ᠡᠪᠯᠡᠯ᠂ ᠡᠪ | ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠤᠭᠠᠳᠤ ᠬᠤᠷᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠵᠡᠮᠳᠡᠭᠴᠦᠳ ᠤᠨ | ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠠᠵᠢᠯ ᠦᠢᠯᠡᠰ ᠤᠨ ᠬᠥᠭᠵᠢᠯᠲᠡ ᠶᠢ ᠳᠡᠮᠵᠢᠪᠡ᠃ | ᠪᠢᠳᠡ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠭᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠬᠢᠷᠢ ᠲᠥᠪᠰᠢᠨ ᠢ | ᠴᠢᠷᠮᠠᠶᠢᠨ ᠳᠡᠭᠡᠭᠰᠢᠯᠡᠭᠦᠯᠪᠡ᠃ ᠦᠪᠡᠷᠲᠡᠭᠡᠨ ᠵᠠᠰᠠᠬᠤ ᠣᠷᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠡᠪᠰᠢᠭᠦᠯᠦᠨ | ᠬᠢᠨᠠᠭᠤᠯᠤᠭᠰᠠᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠ ᠵᠦᠪᠯᠡᠯᠭᠡ 9 ᠪᠠᠶᠢᠵᠤ᠂ ᠵᠠᠰᠠᠭ ᠤᠨ ᠣᠷᠳᠣᠨ ᠤ 6 ᠲᠣᠭᠲᠠᠭᠠᠯ ᠳᠦᠷᠢᠮ ᠢ ᠲᠣᠭᠲᠠᠭᠠᠵᠤ᠂ | ᠵᠠᠰᠠᠪᠤᠷᠢ ᠣᠷᠤᠭᠤᠯᠤᠭᠰᠠᠨ ᠪᠠ ᠬᠦᠴᠦᠨ ᠦᠭᠡᠢ ᠪᠣᠯᠭᠠᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠰᠠᠨᠠᠭᠤᠯᠭ᠎ᠠ ᠪᠠ | ᠤᠯᠤᠰ ᠲᠥᠷᠥ ᠶᠢᠨ ᠵᠦᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ 1346 ᠭᠦᠢᠴᠡᠳᠭᠡᠵᠦ᠂ ᠬᠠᠷᠢᠭᠤ ᠥᠭᠭᠦᠭᠰᠡᠨ ᠨᠤᠷᠮ᠎ᠠ 100% ᠳᠤ ᠬᠦᠷᠪᠡ᠃ | ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠢ ᠠᠬᠢᠭᠤᠯᠵᠤ᠂ ᠣᠷᠣᠨ ᠨᠤᠲᠤᠭ ᠤᠨ ᠲᠦᠰᠦᠪ ᠪᠠ ᠲᠦᠰᠦᠪ ᠤᠨ ᠭᠦᠢᠴᠡᠳᠭᠡᠯ ᠢᠶᠠᠨ ᠢᠯᠡ ᠪᠣᠯᠭᠠᠭᠰᠠᠨ | ᠬᠡᠮᠵᠢᠶ᠎ᠡ ᠨᠢ ᠪᠦᠬᠦ ᠤᠯᠤᠰ ᠤᠨ ᠭᠤᠷᠪᠠᠳᠤᠭᠠᠷ ᠲᠤ ᠣᠷᠤᠵᠤ᠂ ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠢ | 137 ᠤᠳᠠᠭ᠎ᠠ ᠬᠤᠷᠠᠯᠳᠤᠭᠤᠯᠤᠨ᠂ ᠬᠤᠷᠠᠯ ᠬᠢᠬᠦ ᠶᠢ 32% ᠪᠠᠭᠠᠰᠬᠠᠵᠤ᠂ ᠵᠢᠷᠤᠮᠵᠢᠯ ᠤᠨ ᠴᠢᠨᠠᠷᠲᠠᠢ ᠵᠡᠷᠬᠡ ᠪᠢᠴᠢᠭ ᠮᠠᠲ᠋ᠧᠷᠢᠶᠠᠯ ᠢ 53% ᠪᠠᠭᠠᠰᠬᠠᠪᠠ᠃ ᠵᠠᠰᠠᠭ | ᠵᠠᠬᠢᠷᠭᠠᠨ ᠤ ᠪᠠᠶᠢᠭᠤᠯᠭ᠎ᠠ ᠶᠢᠨ ᠭᠠᠮᠨᠠᠨ ᠠᠷᠪᠢᠯᠠᠬᠤ ᠶᠢ ᠡᠷᠬᠢᠮᠯᠡᠬᠦ ᠪᠠ ᠱᠠᠯᠢᠨ ᠪᠦᠷᠢᠯᠭᠡᠬᠦ ᠶᠢ ᠡᠰᠡᠷᠭᠦᠴᠡᠬᠦ ᠳᠤ ᠬᠡᠷᠡᠭᠵᠢᠭᠦᠯᠬᠦ ᠠᠷᠭ᠎ᠠ ᠶᠢ ᠲᠣᠭᠲᠠᠭᠠᠵᠤ᠂ ᠡᠯ᠎ᠡ | ᠱᠠᠲᠤᠨ ᠤ ᠡᠳ᠋ ᠤᠨ ᠵᠠᠰᠠᠭ ᠠᠴᠠ ᠡᠩ ᠤᠨ ᠴᠢᠨᠠᠷᠲᠠᠢ ᠵᠠᠷᠤᠯᠭ᠎ᠠ ᠶᠢ 28.7 ᠳ᠋ᠦᠩᠰᠢᠭᠤᠷ ᠲᠦᠭᠦᠷᠢᠭ ᠪᠠᠭᠠᠰᠬᠠᠪᠠ᠃ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠪᠠ ᠦᠪᠡᠷᠲᠡᠭᠡᠨ ᠵᠠᠰᠠᠬᠤ ᠣᠷᠣᠨ ᠤ ᠳᠦᠬᠦᠷ ᠠᠷᠭ᠎ᠠ ᠶᠢ ᠴᠢᠩᠭ᠎ᠠ ᠨᠠᠶᠢᠳᠠᠪᠦᠷᠢᠵᠢᠭᠤᠯᠵᠦ᠂ ︽ᠳᠥᠷᠪᠡᠨ ᠰᠤᠷᠲᠠᠯ︾ ᠢ ᠴᠦᠬᠦᠷᠡᠰᠢ ᠦᠭᠡᠢ ᠵᠠᠯᠠᠷᠠᠭᠤᠯᠤᠨ᠂ | ᠵᠠᠰᠠᠭ ᠤᠨ ᠣᠷᠳᠣᠨ ᠤ ᠨᠡᠶᠢᠲᠡ ᠳᠤ ᠢᠲᠡᠭᠡᠭᠦᠯᠬᠦ ᠬᠦᠴᠦᠨ᠂ ᠬᠡᠷᠡᠭᠵᠢᠭᠦᠯᠬᠦ ᠬᠦᠴᠦᠨ ᠢ ᠲᠠᠰᠤᠷᠠᠯᠲᠠ ᠦᠭᠡᠢ ᠨᠡᠮᠡᠭᠳᠡᠭᠦᠯᠪᠡ᠃ | ︽ᠤᠭ ᠰᠠᠨᠠᠭ᠎ᠠ ᠪᠠᠨ ᠦᠯᠦ ᠮᠠᠷᠲᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠦᠮᠦᠵᠢᠯ ᠢ ᠭᠦᠨᠵᠡᠭᠡᠢ ᠦᠷᠨᠢᠭᠦᠯᠵᠦ᠂ | ᠰᠤᠷᠤᠯᠴᠠᠯᠭ᠎ᠠ ᠬᠦᠮᠦᠵᠢᠯ᠂ ᠪᠠᠶᠢᠴᠠᠭᠠᠨ ᠰᠤᠳᠤᠯᠤᠯᠲᠠ᠂ ᠠᠰᠠᠭᠤᠳᠠᠯ ᠢ ᠪᠠᠶᠢᠴᠠᠭᠠᠨ ᠢᠯᠡᠷᠡᠭᠦᠯᠬᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ | ᠪᠦᠬᠦ ᠶᠠᠪᠤᠴᠠ ᠳᠤ ᠲᠤᠭᠤᠰᠢᠯᠠᠭᠤᠯᠪᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠵᠦ᠂ ᠠᠷᠠᠳ ᠲᠦᠮᠡᠨ ᠤ ᠠᠩᠬᠠᠷᠤᠯ ᠲᠠᠯᠪᠢᠵᠤ ᠪᠠᠶᠢᠭ᠎ᠠ | ᠵᠦᠢᠯ ᠳᠤ ᠢᠳᠡᠪᠬᠢᠲᠡᠢ ᠪᠠᠷ ᠬᠠᠷᠢᠭᠤ ᠲᠤᠰᠬᠠᠨ᠂ ᠠᠵᠢᠯ ᠶᠠᠪᠤᠳᠠᠯ ᠭᠦᠢᠴᠡᠳᠭᠡᠬᠦ ᠳᠤ ᠭᠦᠴᠢᠷᠳᠡᠢ ᠪᠠᠶᠢᠬᠤ ᠠᠰᠠᠭᠤᠳᠠᠯ ᠤᠳ ᠢ ᠬᠦᠴᠦᠯᠡᠨ ᠰᠢᠢᠳᠪᠦᠷᠢᠯᠡᠵᠦ᠂ | ᠮᠡᠳᠡᠭᠡ ᠵᠠᠩᠭᠢ ᠶᠢᠨ ᠬᠤᠷᠢᠭ᠎ᠠ ᠴᠠᠷᠠᠭ᠎ᠠ ᠶᠢ ᠠᠷᠢᠯᠭᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠢᠭᠡ ᠴᠤᠭᠴᠠᠵᠢᠭᠤᠯᠤᠭᠰᠠᠨ ᠲᠠᠪᠴᠠᠩ ᠢ ᠦᠨᠳᠦᠰᠦᠨ ᠳᠤ ᠪᠠᠨ | ᠪᠠᠶᠢᠭᠤᠯᠵᠦ᠂ ᠦᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ 3278 ᠵᠦᠢᠯ ᠠᠴᠠ 947 ᠵᠦᠢᠯ ᠪᠣᠯᠭᠠᠭᠠᠳ | 71% ᠪᠠᠭᠠᠰᠬᠠᠪᠠ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠤᠭᠤᠯᠬᠤ᠂ ᠲᠦᠷᠦᠯ ᠵᠦᠢᠯ ᠢ ᠬᠢᠨᠠᠨ ᠵᠥᠪᠰᠢᠶᠡᠷᠡᠬᠦ ᠵᠡᠷᠭᠡ 500 ᠭᠠᠷᠤᠢ ᠵᠦᠢᠯ ᠤᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠢ ᠨᠢᠭᠡ ᠦᠷᠲᠡᠭᠡᠴᠢᠯᠡᠭᠰᠡᠨ ᠮᠠᠶ᠋ᠢᠭ ᠢᠶᠠᠷ ᠭᠦᠢᠴᠡᠳᠭᠡᠬᠦ ᠶᠢ ᠪᠡᠶᠡᠯᠡᠭᠦᠯᠪᠡ︔ ᠭᠡᠷ ᠪᠠᠶᠢᠰᠢᠩ ᠭᠠᠵᠠᠷ ᠬᠦᠷᠦᠩᠭᠡ᠂ ᠠᠶᠤᠯ ᠦᠭᠡᠢ | ᠦᠢᠯᠡᠳᠪᠦᠷᠢᠯᠡᠯ ᠵᠡᠷᠭᠡ ᠬᠦᠷᠢᠶ᠎ᠡ ᠴᠠᠷᠠᠭᠠᠨ ᠳᠠᠬᠢ ᠳᠤᠪᠤᠶᠢᠮ᠎ᠠ ᠠᠰᠠᠭᠤᠳᠠᠯ ᠤᠳ ᠢ ᠬᠦᠴᠦᠯᠡᠨ ᠰᠢᠢᠳᠪᠦᠷᠢᠯᠡᠪᠡ᠃ ᠬᠠᠷᠢᠶᠠᠯᠠᠭᠳᠠᠬᠤ ᠣᠷᠣᠨ ᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ 88 ᠲᠦᠮᠡᠨ ᠢᠵᠢ ᠭᠡᠷ ᠪᠠᠶᠢᠰᠢᠩ ᠤᠨ ᠦᠨᠡᠮᠯᠡᠯ ᠠᠪᠬᠤ ᠳᠤ ᠬᠦᠴᠢᠷ᠂ ᠣᠷᠤᠵᠤ ᠰᠠᠭᠤᠬᠤ ᠳᠤ ᠬᠦᠴᠢᠷ᠂ ᠪᠤᠴᠠᠵᠤ ᠨᠡᠭᠦᠬᠦ ᠳᠤ | ᠬᠦᠴᠢᠷ ᠲᠠᠢ ᠦᠯᠡᠳᠡᠭᠳᠡᠯ ᠠᠰᠠᠭᠤᠳᠠᠯ ᠢ ᠰᠢᠢᠳᠪᠦᠷᠢᠯᠡᠪᠡ᠃ ᠰᠢᠯᠢ ᠶᠢᠨ ᠭᠤᠣᠯ ᠤᠨ ᠶᠢᠨ ᠮᠠᠨ ᠠᠭᠤᠷᠬᠠᠢ ᠶᠢᠨ ᠦᠢᠯᠡᠰ ᠤᠨ ᠪᠠ ᠤᠯᠠᠭᠠᠨᠴᠠᠪ ᠤᠨ ᠳ᠋ᠦᠩ ᠰᠢᠩ | ᠬᠢᠮᠢ ᠶᠢᠨ ᠠᠵᠤ ᠦᠢᠯᠡᠳᠪᠦᠷᠢ ᠶᠢᠨ ᠠᠮᠦᠷ ᠲᠥᠪᠰᠢᠨ ᠤ ᠠᠳᠡᠯ ᠬᠡᠷᠡᠭ ᠠᠴᠠ ᠬᠠᠳᠠᠭᠤ ᠰᠤᠷᠭᠠᠮᠵᠢ ᠠᠪᠤᠨᠨᠰᠠᠨ ᠪᠣᠯᠬᠤᠷ ᠪᠢᠳᠡ ᠠᠵᠢᠯ ᠤᠨ ᠶᠠᠪᠤᠴᠠ ᠳᠠᠬᠢ | ᠬᠦᠷᠦᠯᠴᠡᠬᠦ ᠦᠭᠡᠢ ᠲᠠᠯ᠎ᠠ ᠪᠠᠨ ᠬᠢᠨᠠᠮᠠᠭᠠᠢ ᠲᠤᠩᠭᠠᠵᠦ᠂ ᠠᠭᠤᠷᠬᠠᠢ ᠶᠢᠨ ᠠᠮᠦᠷ ᠲᠥᠪᠰᠢᠨ ᠤ ᠳᠤᠪᠤᠶᠢᠮ᠎ᠠ ᠠᠰᠠᠭᠤᠳᠠᠯ ᠢ ᠲᠤᠰᠬᠠᠶᠢᠯᠠᠨ ᠴᠡᠭᠴᠡᠯᠡᠵᠦ ᠵᠠᠰᠠᠬᠤ ᠠᠵᠢᠯ ᠢ | ᠦᠷᠨᠢᠬᠦᠯᠦᠨ᠂ ᠲᠤᠰᠬᠠᠢ ᠠᠵᠢᠯᠲᠠᠨ ᠢ ᠵᠣᠬᠢᠶᠠᠨ ᠪᠠᠶᠢᠭᠤᠯᠵᠤ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠮᠦᠷ ᠲᠥᠪᠰᠢᠨ ᠤ ᠲᠠᠯ᠎ᠠ ᠪᠠᠷ ᠦᠨᠡᠯᠡᠯᠲᠡ | ᠵᠢᠱᠢᠯᠳᠠ ᠬᠢᠯᠭᠡᠪᠡ︔ ᠵᠠᠰᠠᠭ ᠤᠨ ᠣᠷᠳᠣᠨ ᠤ ᠥᠷᠢ ᠦᠭᠴᠡᠭᠡ ᠪᠠ ᠮᠦᠩᠭᠦᠨ ᠭᠦᠢᠯᠭᠡᠭᠡᠨ ᠤ ᠲᠥᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠷ ᠬᠦᠴᠦᠯᠡᠵᠦ᠂ ᠪᠦᠬᠦ | ᠣᠷᠣᠨ ᠤ ᠵᠠᠰᠠᠭ ᠤᠨ ᠣᠷᠳᠣᠨ ᠤ ᠦᠷᠢ ᠦᠭᠴᠡᠭᠡ ᠶᠢᠨ ᠨᠤᠷᠮ᠎ᠠ ᠶᠢ ᠦᠷᠭᠦᠯᠵᠢᠯᠡᠨ ᠪᠠᠭᠤᠷᠠᠭᠤᠯᠪᠠ︔ ᠳᠤᠲᠠᠭᠤᠳᠠᠯ ᠢᠶᠠᠨ ᠨᠦᠬᠦᠪᠦᠷᠢᠯᠡᠬᠦ ᠶᠢ ᠬᠦᠴᠦᠯᠡᠨ | ᠠᠬᠢᠭᠤᠯᠵᠤ᠂ ᠳᠡᠭᠡᠳᠦ ᠬᠤᠷᠳᠤ ᠶᠢᠨ ᠲᠡᠮᠦᠷ ᠵᠠᠮ᠂ ᠠᠭᠠᠷ ᠠᠶᠠᠯᠠᠯ᠂ ᠡᠨᠧᠷᠬᠢ ᠵᠡᠷᠭᠡ ᠨᠢᠭᠡ ᠪᠦᠯᠦᠭ ᠴᠢᠬᠤᠯᠠ ᠶᠡᠭᠡ ᠲᠦᠷᠦᠯ ᠵᠦᠢᠯ ᠳᠤ ᠰᠢᠪᠲᠤᠯᠤᠯᠲᠠ ᠲᠠᠢ | ᠪᠣᠯᠪᠠ᠃ ᠲᠤᠷᠰᠢᠯᠳᠠ ᠶᠢᠨ ᠴᠡᠭ ᠲᠤ ᠤᠷᠢᠳ ᠢᠶᠠᠷ ᠬᠡᠷᠡᠭᠵᠢᠬᠦᠯᠬᠦ ᠶᠢ ᠪᠠᠷᠢᠮᠳᠠᠯᠠᠵᠦ᠂ ᠮᠠᠯᠵᠢᠬᠤ ᠣᠷᠣᠨ ᠢ ᠤᠳᠤᠬᠢᠴᠢᠯᠠᠬᠤ᠂ ᠴᠢᠨᠠᠷ ᠰᠠᠶᠢᠲᠠᠢ ᠪᠡᠯᠴᠢᠭᠡᠷ ᠡᠪᠡᠰᠦ | ᠲᠠᠷᠢᠬᠤ᠂ ᠬᠤᠵᠢᠷᠰᠢᠭᠰᠠᠨ ᠭᠠᠵᠠᠷ ᠢ ᠦᠭᠡᠷᠡᠴᠢᠯᠡᠨ ᠰᠠᠶᠢᠵᠢᠷᠠᠭᠤᠯᠬᠤ᠂ ᠵᠣᠷᠯᠤᠩ ᠤᠨ ᠬᠤᠪᠢᠰᠤᠯᠲᠠ᠂ ᠬᠤᠭ ᠨᠣᠪᠰᠢ ᠶᠢ ᠲᠦᠷᠦᠯ ᠠᠩᠬᠢᠯᠠᠨ ᠰᠢᠢᠳᠪᠦᠷᠢᠯᠡᠬᠦ ᠵᠡᠷᠭᠡ | ᠲᠣᠷᠰᠢᠯᠲᠠ ᠶᠢᠨ ᠠᠵᠢᠯ ᠢ ᠦᠷᠨᠢᠭᠦᠯᠪᠡ᠃ | ᠲᠦᠯᠦᠭᠡᠯᠡᠭᠴᠢᠳ ᠡ︕ ᠦᠩᠭᠡᠷᠡᠭᠰᠡᠨ ᠨᠢᠭᠡ ᠵᠢᠯ ᠳᠤ᠂ ᠪᠢᠳᠡ ᠲᠤᠯᠭᠠᠷᠠᠵᠤ ᠪᠠᠶᠢᠭᠰᠠᠨ ᠬᠦᠨᠳᠦ ᠬᠡᠴᠡᠭᠦᠦ ᠬᠦᠴᠢᠷ ᠪᠡᠷᠬᠡᠰᠢᠶᠡᠯ ᠪᠠ ᠴᠢᠩᠭ᠎ᠠ ᠰᠢᠷᠦᠭᠦᠨ | ᠲᠦᠭᠰᠢᠭᠦᠷᠢ ᠦᠷᠢᠰᠦᠯᠳᠦᠭᠡᠨ ᠢ ᠲᠤᠭᠤᠯᠵᠤ ᠣᠯᠣᠭᠰᠠᠨ ᠠᠮᠵᠢᠯᠲᠠ ᠪᠦᠲᠦᠮᠵᠢ ᠬᠢᠯᠪᠠᠷ ᠪᠤᠰᠤ ᠶᠤᠮ᠃ ᠡᠨᠡ ᠪᠣᠯ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶ᠎ᠠ ᠠᠴᠠ ᠪᠠᠲᠤ ᠴᠢᠩᠭ᠎ᠠ ᠤᠳᠤᠷᠢᠳᠤᠭᠰᠠᠨ ᠤ ᠦᠷ᠎ᠡ ᠳ᠋ᠦᠩ ᠮᠦᠨ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ | ᠪᠦᠯᠬᠦᠮᠳᠡᠨ ᠲᠡᠮᠡᠴᠡᠵᠦ᠂ ᠬᠦᠴᠢᠷ ᠪᠡᠷᠬᠡᠰᠢᠶᠡᠯ ᠢ ᠢᠯᠠᠨ ᠳᠠᠪᠠᠭᠰᠠᠨ ᠤ ᠦᠷ᠎ᠡ ᠳ᠋ᠦᠩ ᠪᠣᠯᠬᠤ ᠶᠤᠮ᠃ ᠠᠳᠡ᠂ ᠪᠢ ᠦᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ ᠣᠷᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ ᠦᠪᠦᠷ ᠮᠣᠩᠭᠤᠯ ᠤᠨ ᠬᠥᠭᠵᠢᠯᠲᠡ ᠶᠢ ᠬᠠᠯᠠᠮᠵᠢᠯᠠᠨ | ᠳᠡᠮᠵᠢᠭᠰᠡᠨ ᠪᠣᠢ ᠪᠦᠬᠦᠢ ᠨᠠᠶᠢᠵᠠ ᠨᠦᠬᠦᠳ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠦᠲᠦᠮᠵᠢ ᠪᠠᠨ ᠨᠤᠲᠠᠯᠠᠬᠤ ᠶᠢᠨ ᠳᠠᠭᠠᠤ᠂ ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠴᠦᠬᠡᠨ ᠪᠤᠰᠤ ᠬᠦᠴᠢᠷᠳᠡᠯ ᠪᠠ | ᠠᠰᠠᠭᠤᠳᠠᠯ ᠣᠷᠤᠰᠢᠵᠤ ᠪᠠᠶᠢᠬᠤ ᠶᠢ ᠪᠢᠳᠡ ᠪᠠᠰᠠ ᠰᠡᠷᠭᠡᠭ ᠢᠶᠠᠷ ᠲᠠᠨᠢᠵᠤ ᠣᠯᠪᠠ᠃ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠦᠷᠭᠦᠯᠵᠢᠯᠡᠨ ᠨᠡᠮᠡᠭᠳᠡᠵᠦ᠂ | ᠰᠢᠨ᠎ᠡ ᠬᠦᠳᠡᠯᠭᠡᠭᠴᠢ ᠴᠢᠳᠠᠪᠤᠷᠢ ᠶᠢᠨ ᠬᠥᠭᠵᠢᠯᠲᠡ ᠭᠦᠢᠴᠡᠳ ᠦᠭᠡᠢ᠂ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ | ᠴᠢᠬᠤᠯᠠᠲᠠᠢ ᠪᠠᠶᠢᠨ᠎ᠠ᠃ ᠠᠮᠢ ᠠᠬᠤᠢ ᠶᠢᠨ ᠪᠠᠶᠢᠭᠤᠯᠤᠯᠲᠠ ᠪᠠ ᠪᠤᠬᠢᠷᠳᠤᠯ ᠢ ᠰᠡᠷᠭᠡᠶᠢᠯᠡᠨ ᠵᠠᠰᠠᠬᠤ ᠡᠭᠦᠷᠭᠡ ᠮᠠᠰᠢ ᠬᠦᠨᠳᠦ ᠪᠠᠶᠢᠨ᠎ᠠ᠃ ᠡᠳ᠋ ᠤᠨ ᠵᠠᠰᠠᠭ ᠮᠦᠩᠭᠦᠨ | ᠭᠦᠢᠯᠭᠡᠭᠡᠨ ᠤ ᠭᠦᠷᠢᠶᠡᠨ ᠳᠠᠬᠢ ᠲᠥᠭᠰᠢᠭᠦᠷᠢ ᠮᠦᠨ ᠬᠦ ᠨᠡᠯᠢᠶᠡᠳ ᠶᠡᠭᠡ ᠪᠠᠶᠢᠵᠤ᠂ ᠵᠠᠷᠢᠮ ᠭᠠᠵᠠᠷ ᠣᠷᠣᠨ ᠤ ᠡᠳ᠋ ᠤᠨ ᠵᠠᠰᠠᠭ ᠤᠨ ᠠᠵᠢᠯᠯᠠᠭᠠᠨ ᠨᠢ ᠶᠠᠪᠤᠨᠨᠳᠠᠬᠤ ᠳᠤ | ᠭᠦᠴᠢᠷ ᠪᠠᠶᠢᠨ᠎ᠠ᠃ ᠰᠤᠷᠭᠠᠨ ᠬᠦᠮᠦᠵᠢᠯ᠂ ᠡᠮᠴᠢᠯᠡᠭᠡ᠂ ᠣᠷᠣᠨ ᠰᠠᠭᠤᠴᠠ ᠵᠡᠷᠭᠡ ᠲᠠᠯ᠎ᠠ ᠪᠠᠷ ᠣᠯᠠᠨ ᠲᠦᠮᠡᠨ ᠤ ᠰᠠᠨᠠᠭᠠᠨ ᠳᠤ ᠨᠡᠶᠢᠴᠡᠬᠦ ᠦᠭᠡᠢ ᠵᠦᠢᠯ ᠪᠠᠰᠠ | ᠤᠷᠤᠰᠢᠵᠦ ᠪᠠᠶᠢᠨ᠎ᠠ᠃ ᠵᠠᠰᠠᠭ ᠤᠨ ᠣᠷᠳᠣᠨ ᠤ ᠵᠠᠷᠢᠮ ᠰᠠᠯᠠᠭ᠎ᠠ ᠮᠦᠴᠢᠷ ᠲᠤ ᠬᠡᠯᠪᠡᠷᠢᠴᠢ ᠦᠵᠡᠯ᠂ ᠨᠤᠶᠠᠨᠴᠢ ᠰᠤᠷᠲᠠᠯ ᠮᠦᠨ ᠬᠦ ᠣᠷᠤᠰᠢᠭᠰᠠᠭᠠᠷ ᠪᠠᠶᠢᠨ᠎ᠠ᠃ ᠪᠢᠳᠡ | ᠡᠷᠬᠡᠪᠰᠢ ᠠᠰᠠᠭᠤᠳᠠᠯ ᠪᠣᠯᠣᠨ ᠦᠷᠢᠰᠦᠯᠳᠦᠭᠡᠨ ᠳᠤ ᠵᠥᠪ ᠬᠠᠨᠳᠤᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠬᠡᠯᠡᠨ᠂ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ | ᠭᠦᠢᠴᠡᠳᠭᠡᠵᠦ᠂ ᠠᠷᠠᠳ ᠲᠦᠮᠡᠨ ᠤ ᠬᠦᠰᠡᠯ ᠪᠣᠳᠣᠯ ᠢ ᠶᠠᠭᠠᠬᠢᠭᠰᠠᠨ ᠴᠤ ᠬᠦᠰᠡᠷᠳᠡᠭᠦᠯᠵᠣ ᠪᠣᠯᠬᠤ ᠦᠭᠡᠢ᠃ | ᠬᠤᠶᠠᠷ᠂ 2020 ᠤᠨ ᠤ ᠠᠵᠢᠯ ᠤᠨ ᠲᠤᠬᠢᠷᠠᠭᠤᠯᠤᠯᠳᠠ | ᠡᠨᠡ ᠵᠢᠯ ᠪᠤᠯ ᠴᠢᠨᠡᠬᠡᠯᠢᠭ ᠨᠡᠶᠢᠬᠡᠮ ᠢ ᠪᠦᠭᠦ ᠲᠠᠯ᠎ᠠ ᠪᠠᠷ ᠪᠠᠶᠢᠭᠤᠯᠬᠤ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠬᠡ ᠶᠢᠨ ᠰᠡᠬᠦᠯ | ᠬᠤᠷᠢᠶᠠᠬᠤ ᠵᠢᠯ ᠪᠤᠯᠤᠨ᠎ᠠ᠂ ᠪᠢᠳᠡ ᠨᠢᠬᠡᠳᠦᠬᠡᠷ ᠵᠠᠭᠤᠨ ᠵᠢᠯ ᠤᠨ ᠲᠡᠮᠡᠴᠡᠬᠦ ᠬᠠᠷᠠᠯᠳᠠ ᠪᠠᠨ ᠪᠡᠶᠡᠯᠡᠬᠦᠯᠵᠦ᠂ ︽ᠠᠷᠪᠠᠨ ᠲᠦᠷᠪᠡᠳᠦᠬᠡᠷ ᠲᠠᠪᠤᠨ ᠵᠢᠯ︾ ᠤᠨ ᠭᠦᠭᠵᠢᠯᠳᠡ | ᠪᠠ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠳᠠ ᠪᠠᠨ ᠪᠡᠶᠡᠯᠡᠬᠦᠯᠬᠦ ᠳᠤ ᠰᠠᠶᠢᠳᠤᠷ ᠰᠠᠭᠤᠷᠢ ᠲᠠᠯᠪᠢᠬᠤ ᠬᠡᠷᠡᠭᠳᠡᠢ᠃ ᠵᠠᠰᠠᠭ ᠤᠨ ᠤᠷᠳᠤᠨ ᠤ ᠠᠵᠢᠯ ᠢ ᠰᠠᠶᠢᠳᠤᠷ | ᠬᠢᠬᠦ ᠳᠤ᠂ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ | ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠪᠠ ᠠᠷᠪᠠ ᠶᠢᠰᠦᠳᠦᠬᠡᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠲᠦᠷᠪᠡᠳᠦᠬᠡᠷ | ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠦ᠂ ᠨᠠᠮ ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ | ᠪᠤᠳᠤᠯᠭ᠎ᠠ ᠶᠢ ᠡᠷᠡᠰ ᠲᠤᠭᠤᠰᠢᠯᠠᠭᠤᠯᠤᠨ᠂ ︽ᠲᠦᠷᠪᠡᠨ ᠦᠵᠡᠯ ᠤᠬᠠᠮᠰᠠᠷ︾ ᠢᠶᠠᠨ ᠴᠢᠩᠭᠠᠳᠬᠠᠵᠦ᠂ ︽ᠲᠦᠷᠪᠡᠨ ᠢᠳᠡᠬᠡᠯ︾ ᠢᠶᠠᠨ ᠪᠠᠳᠤᠳᠬᠠᠵᠦ᠂ ︽ᠬᠤᠶᠠᠷ ᠢ | ᠬᠠᠮᠠᠭᠠᠯᠠᠬᠤ︾ ᠶᠢ ᠪᠡᠶᠡᠯᠡᠬᠦᠯᠵᠦ᠂ ᠴᠢᠨᠡᠬᠡᠯᠢᠭ ᠨᠡᠶᠢᠬᠡᠮ ᠢ ᠪᠦᠭᠦ ᠲᠠᠯ᠎ᠠ ᠪᠠᠷ ᠪᠠᠶᠢᠭᠤᠯᠬᠤ ᠬᠠᠷᠠᠯᠳᠠᠳᠤ ᠡᠭᠦᠷᠬᠡ ᠲᠠᠢ ᠨᠢᠨᠨᠳᠠ ᠤᠶᠠᠯᠳᠤᠭᠤᠯᠤᠨ᠂ ᠲᠤᠨᠨᠳᠠᠭᠤᠨ | ᠪᠠᠶᠢᠯᠭᠠᠬᠤ ᠶᠢᠨ ᠲᠠᠭᠠᠤ ᠳᠤ ᠤᠷᠤᠨᠨᠰᠢᠯᠠᠭᠤᠯᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠳᠠᠯᠠᠵᠦ᠂ ᠰᠢᠨ᠎ᠠ ᠭᠦᠭᠵᠢᠯᠳᠡ ᠶᠢᠨ ᠤᠨᠤᠯᠵᠢᠬᠤᠨ ᠢ | ᠪᠠᠷᠢᠮᠳᠠᠯᠠᠨ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ ᠪᠠᠷ ᠭᠤᠤᠯ ᠰᠢᠵᠢᠮ ᠪᠤᠯᠭᠠᠬᠤ ᠶᠢ ᠪᠠᠷᠢᠮᠳᠠᠯᠠᠵᠦ᠂ ᠦᠬᠡᠷᠡᠴᠢᠯᠡᠯᠳᠡ | ᠨᠡᠭᠡᠭᠡᠯᠲᠡ ᠬᠢᠬᠦ ᠪᠠᠷ ᠬᠦᠳᠡᠯᠭᠡᠭᠴᠢ ᠭᠦᠴᠦᠨ ᠪᠤᠯᠭᠠᠬᠤ ᠶᠢ ᠪᠠᠷᠢᠮᠳᠠᠯᠠᠨ᠂ ᠴᠢᠨᠠᠷ ᠰᠠᠶᠢᠳᠠᠢ ᠭᠦᠭᠵᠢᠯᠳᠡ ᠶᠢ ᠠᠬᠢᠭᠤᠯᠵᠦ᠂ ᠭᠤᠷᠪᠠᠨ ᠶᠡᠭᠡ ᠰᠢᠪᠳᠤᠯᠤᠯᠳᠠ ᠶᠢᠨ | ᠲᠠᠶᠢᠯᠠᠯᠳᠤᠭᠠᠨ ᠤ ᠢᠯᠡᠯᠳᠡ ᠶᠢ ᠲᠡᠮᠡᠴᠡᠨ ᠤᠯᠵᠦ᠂ ︽ᠵᠢᠷᠭᠤᠭᠠᠨ ᠵᠦᠢᠯ ᠢ ᠲᠤᠨᠨᠳᠠᠭᠤᠨ ᠪᠠᠶᠢᠯᠭᠠᠬᠤ︾ ᠠᠵᠢᠯ ᠢ ᠪᠦᠭᠦ ᠲᠠᠯ᠎ᠠ ᠪᠠᠷ ᠰᠠᠶᠢᠳᠤᠷ ᠬᠢᠵᠦ᠂ ᠨᠡᠮᠡᠭᠳᠡᠯ ᠢ | ᠲᠤᠨᠨᠳᠠᠪᠤᠷᠢᠵᠢᠭᠤᠯᠬᠤ᠂ ᠦᠬᠡᠷᠡᠴᠢᠯᠡᠯᠳᠡ ᠶᠢ ᠠᠬᠢᠭᠤᠯᠬᠤ᠂ ᠪᠦᠳᠦᠴᠡ ᠶᠢ ᠲᠤᠬᠢᠷᠠᠭᠤᠯᠬᠤ᠂ ᠠᠷᠠᠳ ᠲᠤ ᠠᠰᠢᠭ ᠭᠦᠷᠳᠡᠬᠡᠬᠦ᠂ ᠲᠦᠭᠰᠢᠭᠦᠷᠢ ᠶᠢ ᠰᠡᠷᠬᠡᠶᠢᠯᠡᠬᠦ᠂ | ᠲᠤᠨᠨᠳᠠᠭᠤᠨ ᠢ ᠪᠠᠳᠤᠯᠠᠬᠤ ᠶᠢ ᠨᠢᠬᠡᠳᠦᠯᠳᠡᠢ ᠲᠦᠯᠦᠪᠯᠡᠨ ᠠᠬᠢᠭᠤᠯᠵᠦ᠂ ᠠᠵᠦ ᠠᠬᠤᠢ ᠶᠢ ᠵᠦᠢ ᠵᠤᠬᠢᠰᠳᠠᠢ ᠬᠡᠪᠴᠢᠶᠡᠨ ᠳᠤ ᠠᠵᠢᠯᠯᠠᠭᠤᠯᠬᠤ ᠶᠢ ᠪᠠᠳᠤᠯᠠᠨ᠂ ᠪᠦᠭᠦ | ᠲᠠᠯ᠎ᠠ ᠪᠠᠷ ᠴᠢᠨᠡᠬᠡᠯᠢᠭ ᠨᠡᠶᠢᠬᠡᠮ ᠢ ᠪᠠᠶᠢᠭᠤᠯᠬᠤ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠬᠡ ᠶᠢᠨ ᠠᠮᠵᠢᠯᠲᠠ ᠲᠠᠢ ᠪᠠᠷ ᠰᠡᠭᠦᠯ ᠬᠤᠷᠢᠶᠠᠬᠤ ᠶᠢ | ᠪᠠᠳᠤᠯᠠᠵᠦ᠂ ᠠᠷᠠᠳ ᠣᠯᠠᠨ ᠳᠤ ᠮᠡᠳᠡᠷᠡᠭᠳᠡᠨ ᠲᠠᠭᠠᠰᠢᠶ᠋ᠬᠠᠳᠠᠵᠦ᠂ ᠲᠡᠤᠬᠡ ᠶᠢᠨ ᠰᠢᠯᠭᠠᠯᠳᠠ ᠶᠢ ᠲᠠᠭᠠᠭᠠᠵᠦ ᠴᠢᠳ᠋ᠬᠠᠰᠠᠨ ᠪᠠᠶᠢᠬᠤ | ᠬᠡᠷᠡᠭᠳᠡᠢ᠃ | ᠡᠨᠡ ᠵᠢᠯ ᠤᠨ ᠠᠵᠦ ᠠᠬᠤᠢ ᠨᠡᠶᠢᠬᠡᠮ ᠤᠨ ᠭᠦᠭᠵᠢᠯᠳᠡ ᠶᠢᠨ ᠭᠤᠤᠯ ᠵᠢᠱᠢᠭᠰᠡᠨ ᠬᠠᠷᠠᠯᠳᠠ ᠪᠤᠯ᠄ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ | ᠦᠷᠳᠡᠭ ᠢ 6% ᠤᠷᠴᠢᠮ ᠨᠡᠮᠡᠭᠳᠡᠬᠦᠯᠦᠨ᠎ᠠ︔ ᠬᠤᠳᠠ ᠪᠠᠯᠭᠠᠰᠤᠨ ᠤ ᠠᠵᠢᠯ ᠤᠯᠤᠨᠨᠰᠠᠳ ᠢ 22 ᠲᠦᠮᠡ ᠭᠠᠷᠤᠢ ᠰᠢᠨ᠎ᠠ ᠪᠠᠷ ᠨᠡᠮᠡᠭᠳᠡᠬᠦᠯᠦᠨ᠎ᠠ︔ ᠬᠤᠳᠠ | ᠪᠠᠯᠭᠠᠰᠤᠨ ᠤ ᠪᠠᠶᠢᠴᠠᠭᠠᠯᠳᠠ ᠳᠠᠬᠢ ᠠᠵᠢᠯ ᠠᠯᠳ᠋ᠬᠠᠰᠠᠳ ᠤᠨ ᠨᠤᠷᠮ᠎ᠠ ᠶᠢ 5.5% ᠤᠷᠴᠢᠮ ᠳᠤ ᠪᠠᠶᠢᠯᠭᠠᠵᠦ᠂ ᠲᠠᠩᠰᠠᠯᠠᠨ ᠲᠡᠮᠳᠡᠭᠯᠡᠬᠦᠯᠦᠭᠰᠡᠨ ᠠᠵᠢᠯ | ᠠᠯᠳ᠋ᠬᠠᠰᠠᠳ ᠤᠨ ᠨᠤᠷᠮ᠎ᠠ ᠶᠢ 4.5% ᠲᠤᠳᠤᠷ᠎ᠠ ᠪᠠᠶᠢᠯᠭᠠᠨ᠎ᠠ︔ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠠ ᠬᠠᠩᠰᠢ ᠶᠢᠨ ᠦᠰᠦᠯᠳᠡ ᠶᠢᠨ ᠬᠡᠮᠵᠢᠶ᠎ᠡ ᠶᠢ 3. | 5% ᠤᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ ᠢ ᠠᠵᠦ ᠠᠬᠤᠢ ᠶᠢᠨ ᠨᠡᠮᠡᠭᠳᠡᠯ ᠲᠠᠢ ᠦᠨᠳᠦᠰᠦᠨ ᠳᠤ ᠪᠠᠨ ᠠᠳᠠᠯᠢ ᠠᠯᠬᠤᠮ ᠳᠤ | ᠪᠠᠶᠢᠯᠭᠠᠨ᠎ᠠ᠃ | ᠡᠨᠡ ᠵᠢᠯ ᠤᠨ ᠠᠵᠢᠯ ᠢ ᠰᠠᠶᠢᠳᠤᠷ ᠬᠢᠬᠦ ᠳᠤ᠂ ᠪᠢᠳᠡ ᠰᠢᠨ᠎ᠠ ᠭᠦᠭᠵᠢᠯᠳᠡ ᠶᠢᠨ ᠤᠨᠤᠯᠵᠢᠬᠤᠨ ᠢ ᠡᠷᠡᠰ ᠭᠤᠶᠢᠪᠢᠰᠢ ᠦᠬᠡᠢ ᠲᠤᠭᠤᠰᠢᠯᠠᠭᠤᠯᠵᠦ᠂ ᠨᠠᠮ ᠤᠨ | ᠲᠦᠪ ᠬᠤᠷᠢᠶ᠎ᠠ ᠠᠴᠠ ᠦᠪᠡᠷᠳᠡᠬᠡᠨ ᠵᠠᠰᠠᠬᠤ ᠤᠷᠤᠨ ᠳᠤ ᠲᠣᠭᠲᠠᠭᠠᠭᠰᠠᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠨᠨᠳᠠᠭᠠᠯᠳᠠ ᠶᠢ ᠤᠨᠤᠪᠴᠢᠳᠠᠢ ᠡᠵᠡᠮᠰᠢᠨ᠂ ᠠᠮᠢ | ᠠᠬᠤᠢ ᠶᠢ ᠤᠷᠢᠳ ᠢᠶᠠᠷ ᠪᠤᠳᠤᠯᠬᠢᠯᠬᠠᠰᠠᠨ᠂ ᠪᠤᠬᠢᠷᠳᠤᠯ ᠦᠬᠡᠢ ᠭᠦᠭᠵᠢᠯᠳᠡ ᠪᠠᠷ ᠤᠳᠤᠷᠢᠳᠤᠮᠵᠢ ᠪᠤᠯᠭᠠᠨᠨᠰᠠᠨ ᠴᠢᠨᠠᠷ ᠰᠠᠶᠢᠳᠠᠢ ᠭᠦᠭᠵᠢᠯᠳᠡ ᠶᠢᠨ ᠰᠢᠨ᠎ᠠ ᠵᠠᠮ ᠢᠶᠠᠷ | ᠭᠤᠶᠢᠪᠢᠰᠢ ᠦᠬᠡᠢ ᠵᠠᠮᠨᠠᠬᠤ ᠬᠡᠷᠡᠭᠳᠡᠢ︔ ᠲᠤᠨᠨᠳᠠᠭᠤᠨ ᠪᠠᠶᠢᠯᠭᠠᠬᠤ ᠶᠢᠨ ᠲᠠᠭᠠᠤ ᠳᠤ ᠤᠷᠤᠨᠨᠰᠢᠯᠠᠭᠤᠯᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠳᠠᠯᠠᠨ᠂ | ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ ᠶᠢ ᠭᠦᠨᠵᠡᠬᠡᠶᠢᠷᠡᠬᠦᠯᠬᠦ ᠪᠠᠷ ᠲᠠᠰᠤᠷᠠᠯᠳᠠ ᠦᠬᠡᠢ ᠭᠦᠴᠦᠯᠡᠵᠦ᠂ ᠠᠵᠦ ᠠᠬᠤᠢ ᠶᠢᠨ | ᠲᠠᠯ᠎ᠠ ᠪᠠᠷ ᠬᠢ ᠪᠡᠶᠡᠯᠡᠭᠦᠯᠬᠦ ᠬᠡᠮᠵᠢᠶᠡᠨ ᠤ ᠵᠤᠬᠢᠰᠳᠠᠢ ᠨᠡᠮᠡᠭᠳᠡᠯ ᠪᠠ ᠶᠠᠰᠤ ᠴᠢᠨᠠᠷ ᠤᠨ ᠯᠠᠪᠳᠠᠭᠤᠨ ᠲᠡᠬᠡᠭᠰᠢᠯᠡᠯᠳᠡ ᠶᠢ ᠪᠠᠳᠤᠯᠠᠬᠤ ᠬᠡᠷᠡᠭᠳᠡᠢ︔ ᠴᠢᠨᠡᠬᠡᠯᠢᠭ ᠨᠡᠶᠢᠬᠡᠮ ᠢ | ᠪᠦᠭᠦ ᠲᠠᠯ᠎ᠠ ᠪᠠᠷ ᠪᠠᠶᠢᠭᠤᠯᠬᠤ ᠬᠠᠷᠠᠯᠳᠠᠳᠤ ᠡᠭᠦᠷᠬᠡ ᠲᠠᠢ ᠨᠢᠨᠨᠳᠠ ᠤᠶᠠᠯᠳᠤᠭᠤᠯᠵᠦ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ᠂ ᠬᠠᠷᠠᠯᠳᠠ ᠪᠠᠷ ᠤᠳᠤᠷᠢᠳᠤᠮᠵᠢ | ᠪᠤᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ᠂ ᠲᠤᠨᠨᠳᠠᠮᠠᠯ ᠴᠢᠨᠠᠷ ᠬᠡᠮᠵᠢᠶ᠎ᠡ ᠲᠠᠢ ᠬᠠᠮᠢᠶ᠎ᠠ ᠪᠦᠭᠦᠢ ᠭᠦᠢᠴᠡᠳᠬᠡᠯ ᠲᠤᠭ᠎ᠠ ᠲᠠᠢ | ᠬᠠᠷᠭᠤᠭᠤᠯᠵᠦ᠂ ᠭᠤᠣᠯᠳᠠᠯᠭ᠎ᠠ ᠶᠢ ᠠᠳᠬᠤᠨ ᠲᠤᠳᠠᠭᠤᠳᠠᠯ ᠢᠶᠠᠨ ᠨᠦᠬᠦᠪᠦᠷᠢᠯᠡᠵᠦ ᠪᠠᠭᠤᠷᠠᠢ ᠵᠦᠢᠯ ᠢᠶᠠᠨ ᠴᠢᠩᠭᠠᠷᠠᠭᠤᠯᠤᠨ᠂ ᠪᠦᠬᠦ ᠤᠯᠤᠰ ᠯᠤᠭ᠎ᠠ ᠵᠡᠷᠭᠡ ᠪᠠᠷ | ᠴᠢᠨᠡᠬᠡᠯᠢᠭ ᠨᠡᠶᠢᠬᠡᠮ ᠢ ᠪᠦᠭᠦ ᠲᠠᠯ᠎ᠠ ᠪᠠᠷ ᠪᠠᠶᠢᠭᠤᠯᠬᠤ ᠶᠢ ᠪᠠᠳᠤᠯᠠᠬᠤ ᠬᠡᠷᠡᠭᠳᠡᠢ᠃ ᠪᠢᠳᠡ ᠲᠤᠤᠷᠠᠬᠢ ᠠᠵᠢᠯ ᠤᠳ ᠢ ᠭᠤᠤᠯᠳᠠᠯᠭ᠎ᠠ ᠲᠠᠢ ᠰᠠᠶᠢᠳᠤᠷ ᠬᠢᠨ᠎ᠠ᠃ | ︵ᠨᠢᠬᠡ︶ ᠭᠤᠷᠪᠠᠨ ᠶᠡᠭᠡ ᠰᠢᠪᠳᠤᠯᠤᠯᠳᠠ ᠶᠢᠨ ᠲᠠᠶᠢᠯᠠᠯᠳᠤᠭᠠᠨ ᠢ ᠡᠷᠡᠰ ᠰᠠᠶᠢᠳᠤᠷ ᠬᠢᠨ᠎ᠠ | ᠡᠨᠡ ᠵᠢᠯ ᠪᠣᠯ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠰᠢᠢᠳᠪᠦᠷᠢᠲᠦ ᠲᠠᠶᠢᠯᠠᠯᠳᠤᠭᠠᠨ ᠤ ᠰᠢᠢᠳᠪᠦᠷᠢᠲᠦ ᠢᠯᠠᠯᠳᠠ ᠶᠢ ᠣᠯᠬᠤ ᠵᠢᠯ ᠪᠣᠯᠬᠤᠷ᠂ | ᠡᠯ᠎ᠡ ᠵᠦᠢᠯ ᠤᠨ ᠠᠵᠢᠯ ᠢᠶᠠᠨ ᠨᠡᠩ ᠨᠠᠷᠢᠯᠢᠬ ᠣᠨᠤᠪᠴᠢᠲᠠᠢ ᠬᠢᠬᠦ ᠬᠡᠷᠡᠭᠲᠡᠢ᠃ ᠶᠠᠳᠠᠭᠤ ᠭᠦᠴᠢᠷᠳᠡᠯᠳᠡᠢ ᠶᠢᠨ ᠲᠤᠭᠠᠨ ᠠᠴᠠ ᠭᠠᠷᠭᠠᠬᠤ ᠪᠠᠷᠢᠮᠵᠢᠶ᠎ᠠ ᠪᠠ ᠲᠡᠰ | ᠲᠠᠷᠠᠭᠠᠯᠠᠯ ᠢ ᠴᠢᠩᠭ᠎ᠠ ᠬᠡᠷᠡᠭᠵᠢᠬᠦᠯᠵᠦ᠂ ᠣᠳᠣ ᠶᠢᠨ ᠪᠠᠶᠢᠭ᠎ᠠ ᠶᠠᠳᠠᠭᠤ ᠭᠦᠴᠢᠷᠳᠡᠯᠳᠡᠢ ᠭᠦᠮᠦᠨ ᠠᠮᠠ ᠶᠢ ᠶᠠᠳᠠᠭᠤ ᠠᠴᠠ ᠠᠩᠬᠢᠵᠢᠷᠠᠭᠤᠯᠬᠤ ᠡᠭᠦᠷᠬᠡ ᠪᠠᠨ ᠪᠡᠶᠡᠯᠡᠬᠦᠯᠦᠨ | ᠂ ᠦᠨᠡᠨ ᠬᠦ ᠶᠠᠳᠠᠭᠤ ᠠᠴᠠ ᠠᠩᠬᠢᠵᠢᠷᠬᠠᠰᠠᠨ ᠢ ᠪᠠᠲᠤᠯᠠᠨ᠎ᠠ᠃ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠪᠠᠨ ᠭᠦᠳᠡᠭᠡ ᠲᠤᠰᠬᠤᠨ ᠢ ᠭᠦᠭᠵᠢᠬᠦᠯᠦᠨ | ᠮᠠᠨᠳᠤᠭᠤᠯᠬᠤ ᠲᠠᠢ ᠪᠦᠳᠦᠮᠵᠢᠳᠡᠢ ᠪᠠᠷ ᠵᠤᠯᠭᠠᠭᠤᠯᠬᠤ ᠶᠢ ᠠᠬᠢᠭᠤᠯᠵᠦ᠂ ᠶᠠᠳᠠᠭᠤ ᠠᠴᠠ ᠠᠩᠬᠢᠵᠢᠷᠠᠭᠤᠯᠬᠤ ᠤᠷᠳᠤ ᠬᠤᠭᠤᠴᠠᠭᠠᠨ ᠤ ᠪᠦᠳᠦᠮᠵᠢᠳᠡᠢ ᠪᠠᠶᠢᠯᠭᠠᠬᠤ | ᠲᠤᠨᠨᠳᠠᠴᠠ ᠶᠢ ᠪᠠᠶᠢᠭᠤᠯᠤᠨ᠂ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠲᠤᠨᠨᠳᠠᠪᠤᠷᠢᠵᠢᠭᠤᠯᠣᠨᠡ᠃ ᠲᠠᠬᠢᠨ ᠶᠠᠳᠠᠭᠤᠷᠬᠠᠰᠠᠨ ᠭᠦᠮᠦᠨ ᠠᠮᠠ ᠬᠢᠭᠡᠳ | ᠶᠠᠳᠠᠭᠤᠷᠬᠠᠰᠠᠨ ᠭᠦᠮᠦᠨ ᠠᠮᠠ ᠶᠢ ᠬᠢᠨᠠᠨ ᠰᠢᠨᠵᠢᠬᠦ ᠪᠠ ᠬᠠᠪᠰᠤᠷᠤᠨ ᠳᠡᠳᠭᠦᠬᠦ ᠠᠵᠢᠯ ᠢ ᠰᠠᠶᠢᠳᠤᠷ ᠬᠢᠨ᠎ᠠ᠃ ᠠᠵᠦ ᠦᠢᠯᠡᠰ ᠢᠶᠠᠷ ᠶᠠᠳᠠᠭᠤ ᠶᠢ ᠲᠡᠳᠬᠦᠬᠦ ᠶᠢ | ᠴᠢᠩᠭᠠᠷᠠᠭᠤᠯᠤᠨ᠂ ᠶᠠᠳᠠᠭᠤ ᠭᠦᠴᠢᠷᠳᠡᠯᠳᠡᠢ ᠡᠷᠦᠬᠡ ᠶᠢ ᠲᠠᠶᠢᠴᠢᠯᠠᠵᠦ ᠪᠠᠶᠢᠭᠠᠳ ᠤᠷᠤᠯᠭ᠎ᠠ ᠶᠢ ᠨᠢ ᠦᠷᠭᠦᠯᠵᠢᠯᠡᠨ ᠨᠡᠮᠡᠭᠳᠡᠬᠦᠯᠦᠨ᠎ᠠ᠃ ᠶᠠᠳᠠᠭᠤ ᠶᠢ ᠲᠡᠳᠬᠦᠬᠦ ᠡᠳ᠋ | ᠭᠦᠷᠦᠩᠬᠡ ᠳᠠᠬᠢ ᠬᠠᠮᠢᠶᠠᠷᠤᠯᠳᠠ ᠪᠠᠨ ᠴᠢᠩᠭᠠᠳᠬᠠᠵᠦ᠂ ᠶᠠᠳᠠᠭᠤ ᠶᠢ ᠲᠡᠳᠬᠦᠬᠦ ᠡᠳ᠋ ᠭᠦᠷᠦᠩᠬᠡ ᠶᠢ ᠬᠡᠷᠡᠭᠯᠡᠬᠦ ᠦᠷ᠎ᠡ ᠠᠰᠢᠭ ᠢᠶᠠᠨ ᠲᠡᠬᠡᠭᠰᠢᠯᠡᠬᠦᠯᠦᠨ᠎ᠠ᠃ ᠶᠠᠳᠠᠭᠤ ᠶᠢ | ᠲᠡᠳᠬᠦᠬᠦ ᠲᠠᠯ᠎ᠠ ᠳᠤ ᠪᠡᠬᠡᠵᠢᠩ ᠦᠪᠦᠷ ᠮᠤᠩᠭᠤᠯ ᠤᠨ ᠬᠢᠨ ᠤ ᠬᠠᠮᠵᠢᠯᠴᠠᠨ ᠠᠵᠢᠯᠯᠠᠬᠤ ᠪᠠ ᠲᠥᠪ ᠤᠨ ᠨᠢᠭᠡᠴᠢ ᠶᠢᠨ ᠬᠢᠨ ᠤ ᠲᠣᠭᠲᠠᠭᠠᠭᠰᠠᠨ ᠴᠡᠭ ᠲᠤ ᠶᠠᠳᠠᠭᠤ ᠶᠢ | ᠲᠡᠳᠭᠦᠬᠦ ᠶᠢ ᠭᠦᠨᠵᠡᠬᠡᠶᠢᠷᠡᠬᠦᠯᠦᠨ᠎ᠠ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠳᠤ ᠨᠡᠶᠢᠳᠡᠮ ᠪᠠᠶᠢᠴᠠᠭᠠᠯᠲᠠ ᠦᠷᠨᠢᠭᠦᠯᠦᠨ᠎ᠡ᠃ | ᠴᠢᠨᠡᠬᠡᠯᠢᠭ ᠨᠡᠶᠢᠬᠡᠮ ᠢ ᠪᠦᠭᠦ ᠲᠠᠯ᠎ᠠ ᠪᠠᠷ ᠪᠠᠶᠢᠭᠤᠯᠬᠤ ᠳᠤ ᠡᠷᠬᠡᠪᠰᠢ ᠪᠤᠬᠢᠷᠳᠤᠯ ᠢ ᠰᠡᠷᠬᠡᠶᠢᠯᠡᠨ ᠵᠠᠰᠠᠬᠤ ᠰᠢᠪᠳᠤᠯᠤᠯᠳᠠ ᠶᠢᠨ ᠲᠠᠶᠢᠯᠠᠯᠳᠤᠭᠠᠨ ᠢ ᠰᠠᠶᠢᠳᠤᠷ ᠬᠢᠬᠦ | ᠬᠡᠷᠡᠭᠳᠡᠢ᠃ ᠲᠤᠪᠤᠶᠢᠮ᠎ᠠ ᠠᠰᠠᠭᠤᠳᠠᠯ ᠢ ᠠᠩᠬᠠᠷᠤᠨ ᠰᠶᠢᠳᠪᠦᠷᠢᠯᠡᠵᠦ᠂ ᠡᠯ᠎ᠡ ᠵᠦᠢᠯ ᠤᠨ ᠵᠠᠰᠠᠯᠳᠠ ᠶᠢᠨ ᠠᠷᠭ᠎ᠠ ᠬᠡᠮᠵᠢᠶ᠎ᠡ ᠶᠢ ᠪᠤᠳᠠᠳᠠᠶᠢᠵᠢᠭᠤᠯᠤᠨ | ᠨᠠᠶᠢᠳᠠᠪᠤᠷᠢᠵᠢᠭᠤᠯᠤᠨ᠎ᠠ᠃ ᠪᠤᠯᠤᠳ ᠲᠡᠮᠦᠷ ᠤᠨ ᠠᠵᠢᠯ ᠲᠦᠷᠦᠯ ᠤᠨ ᠬᠡᠳᠦ ᠲᠤᠤᠷ᠎ᠠ ᠭᠠᠳ᠋ᠬᠠᠰᠢᠯᠠᠭᠤᠯᠬᠤ ᠶᠢ ᠨᠢ ᠥᠭᠡᠷᠡᠴᠢᠯᠡᠨ ᠰᠢᠨᠡᠳᠬᠡᠬᠦ ᠪᠠ ᠠᠵᠦ | ᠦᠢᠯᠡᠳᠪᠦᠷᠢ ᠶᠢᠨ ᠵᠤᠤᠬ᠎ᠠ ᠶᠢ ᠨᠢ ᠵᠠᠰᠠᠵᠦ ᠴᠡᠭᠴᠡᠯᠡᠬᠦ ᠶᠢ ᠠᠬᠢᠭᠤᠯᠵᠦ᠂ ︽ᠲᠠᠷᠠᠬᠠᠢ ᠪᠤᠳᠠᠷᠬᠠᠢ ᠵᠠᠮᠪᠠᠷᠠᠭ᠎ᠠ ᠦᠬᠡᠢ ᠪᠠ ᠪᠤᠬᠢᠷᠳᠤᠯ ᠶᠡᠭᠡ ᠲᠠᠢ︾ ᠠᠵᠦ ᠠᠬᠤᠶᠢᠯᠠᠯ᠂ | ᠬᠡᠮᠬᠡᠳᠡᠭ ᠨᠡᠭᠦᠷᠡᠰᠦ ᠶᠢᠨ ᠰᠢᠳᠠᠭᠠᠯᠭ᠎ᠠ᠂ ᠲᠦᠯᠡᠰᠢᠨ ᠤ ᠲᠤᠰᠤ ᠰᠢᠳᠠᠭᠠᠬᠤ ᠪᠠᠷᠠᠭᠠᠨ ᠤ ᠲᠡᠷᠬᠡ ᠶᠢᠨ ᠪᠤᠬᠢᠷᠳᠤᠯ ᠵᠡᠷᠬᠡ ᠳᠤ ᠲᠤᠰᠬᠠᠶᠢᠯᠠᠨ ᠵᠠᠰᠠᠬᠤ ᠠᠵᠢᠯ ᠢ ᠰᠠᠶᠢᠳᠤᠷ | ᠠᠳᠬᠤᠨ᠎ᠠ᠃ ᠭᠦᠬᠡᠬᠤᠳᠠ ᠪᠤᠭᠤᠳᠤ ᠤᠷᠳᠤᠰ᠂ ᠦᠬᠠᠢ ᠵᠢᠴᠢ ᠡᠷᠬᠢᠨ ᠲᠤᠭᠤᠷᠢᠨ ᠤ ᠤᠷᠤᠨ ᠪᠦᠰᠡ ᠶᠢᠨ ᠠᠭᠠᠷ ᠮᠠᠨᠳᠠᠯ ᠤᠨ ᠪᠤᠬᠢᠷᠳᠤᠯ ᠢ ᠬᠤᠯᠪᠤᠭᠠᠯᠠᠨ | ᠰᠡᠷᠬᠡᠶᠢᠯᠡᠬᠦ ᠬᠤᠯᠪᠤᠭᠠᠯᠠᠨ ᠡᠵᠡᠮᠰᠢᠬᠦ ᠬᠤᠯᠪᠤᠭᠠᠯᠠᠨ ᠵᠠᠰᠠᠬᠤ ᠶᠢ ᠴᠢᠩᠭᠠᠳᠬᠠᠨ᠎ᠠ᠃ ᠭᠦᠯᠦᠨ ᠨᠠᠭᠤᠷ᠂ ᠤᠯᠠᠭᠠᠨᠰᠤᠬᠠᠢ᠂ ᠲᠠᠭ᠎ᠠ ᠶᠢᠨ ᠨᠠᠭᠤᠷ ᠤᠨ ᠤᠰᠤᠨ ᠤ ᠠᠮᠢ | ᠠᠬᠤᠢ ᠶᠢ ᠶᠡᠷᠦᠩᠬᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠦ᠂ ᠲᠠᠯᠠᠶᠢᠨᠠᠭᠤᠷ᠂ ᠬᠠᠷ᠎ᠠ ᠤᠰᠤ᠂ ᠰᠤᠪᠨᠠᠭᠤᠷ ᠵᠡᠷᠬᠡ ᠨᠠᠭᠤᠷ ᠴᠦᠭᠦᠷᠦᠮ ᠤᠨ | ᠵᠠᠰᠠᠯᠳᠠ ᠶᠢ ᠠᠬᠢᠭᠤᠯᠤᠨ᠎ᠠ᠃ ᠪᠤᠬᠢᠷ ᠤᠰᠤ ᠭᠠᠳ᠋ᠬᠠᠰᠢᠯᠠᠭᠤᠯᠬᠤ ᠦᠢᠯᠡᠳᠪᠦᠷᠢ ᠶᠢᠨ ᠭᠠᠳ᠋ᠬᠠᠰᠢᠯᠠᠭᠤᠯᠤᠯᠳᠠ ᠨᠢ ᠪᠠᠷᠢᠮᠵᠢᠶ᠎ᠠ ᠳᠤ ᠭᠦᠷᠬᠦ ᠦᠬᠡᠢ ᠠᠰᠠᠭᠤᠳᠠᠯ ᠢ | ᠴᠡᠭᠴᠡᠯᠡᠨ ᠵᠠᠰᠠᠵᠦ᠂ ᠤᠤᠭᠤᠬᠤ ᠤᠰᠤᠨ ᠤ ᠤᠰᠤᠨ ᠰᠤᠷᠪᠤᠯᠵᠢ ᠶᠢᠨ ᠭᠠᠵᠠᠷ ᠢ ᠬᠠᠮᠠᠭᠠᠯᠠᠨ᠎ᠠ᠃ ᠬᠡᠳᠦ ᠪᠤᠷᠳᠤᠭᠤᠷ ᠤᠷᠤᠭᠤᠯᠬᠤ ᠶᠢ ᠬᠢᠵᠠᠭᠠᠷᠯᠠᠵᠤ᠂ ᠲᠠᠪᠠ ᠪᠠᠷ | ᠲᠠᠷᠢᠶᠡᠨ ᠡᠮ ᠵᠠᠷᠤᠬᠤ ᠶᠢ ᠬᠢᠵᠠᠭᠠᠷᠯᠠᠵᠤ᠂ ᠪᠦᠷᠢᠯᠬᠡᠨ ᠤᠰᠤᠯᠠᠬᠤ ᠶᠢ ᠬᠢᠵᠠᠭᠠᠷᠯᠠᠵᠤ᠂ ᠲᠤᠷ᠎ᠠ ᠪᠠᠷ ᠨᠢᠮᠭᠡᠨ ᠪᠦᠷᠭᠦᠪᠴᠢ ᠬᠡᠷᠡᠭᠯᠡᠬᠦ ᠶᠢ ᠬᠢᠵᠠᠭᠠᠷᠯᠠᠵᠤ᠂ ᠲᠠᠷᠢᠶᠠᠯᠠᠩ ᠤᠨ | ᠤᠯᠠᠨ ᠡᠬᠢᠳᠦ ᠪᠤᠬᠢᠷᠳᠤᠯ ᠢ ᠵᠠᠰᠠᠵᠤ᠂ ᠭᠦᠨᠳᠦ ᠲᠡᠮᠦᠷᠯᠢᠭ ᠤᠨ ᠠᠵᠢᠯ ᠲᠦᠷᠦᠯ ᠤᠨ ᠪᠤᠬᠢᠷᠳᠤᠯ ᠢ ᠰᠡᠷᠬᠡᠶᠢᠯᠡᠨ ᠡᠵᠡᠮᠰᠢᠵᠦ᠂ ᠲᠦᠪ ᠤᠨ ᠤᠷᠴᠢᠨ ᠲᠤᠭᠤᠷᠢᠨ ᠤ | ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠳᠤ ᠬᠠᠷᠢᠭᠤ ᠲᠤᠰᠬᠠᠨᠨᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠳᠠᠭᠤᠰᠬᠠᠨ᠎ᠠ᠃ | ᠵᠠᠰᠠᠭ ᠤᠨ ᠤᠷᠳᠤᠨ ᠤ ᠦᠷᠢ ᠦᠭᠴᠡᠭᠡ ᠶᠢᠨ ᠬᠠᠮᠢᠶᠠᠷᠤᠯᠳᠠ ᠶᠢ ᠴᠢᠩᠭᠠᠳᠬᠠᠵᠦ᠂ ᠰᠢᠯᠭᠠᠨ ᠦᠨᠡᠯᠡᠬᠦ ᠲᠤᠨᠨᠳᠠᠴᠠ ᠪᠠ ᠱᠠᠩᠨᠠᠵᠦ ᠨᠦᠭᠦᠪᠦᠷᠢᠯᠡᠬᠦ ᠲᠥᠷᠥ ᠶᠢᠨ | ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠤᠨ ᠤ ᠥᠷᠢ ᠥᠭᠴᠡᠭᠡ ᠶᠢ ᠠᠷᠢᠯᠭᠠᠬᠤ ᠡᠭᠦᠷᠬᠡ ᠪᠠᠨ ᠪᠠᠳᠤᠯᠠᠨ ᠪᠡᠶᠡᠯᠡᠬᠦᠯᠦᠨ᠎ᠠ᠃ ᠤᠷᠤᠨ | ᠨᠤᠳᠤᠭ ᠲᠠᠬᠢ ᠬᠠᠤᠯᠢ ᠶᠢᠨ ᠡᠷᠬᠡᠳᠡᠨ ᠲᠠᠢ ᠮᠦᠩᠬᠦᠨ ᠭᠦᠢᠯᠬᠡᠬᠡᠨ ᠤ ᠪᠠᠶᠢᠭᠤᠯᠤᠮᠵᠢ ᠶᠢᠨ ᠲᠦᠭᠰᠢᠭᠦᠷᠢ ᠶᠢ ᠯᠠᠪᠳᠠᠭᠤᠨ ᠢᠶᠠᠷ ᠰᠶᠢᠳᠪᠦᠷᠢᠯᠡᠵᠦ᠂ ᠪᠤᠭᠤᠳᠤ ᠶᠢᠨ | ᠬᠤᠳᠠᠯᠳᠤᠭᠠᠨ ᠤ ᠪᠠᠩᠬᠢ ᠶᠢᠨ ᠰᠲ᠋ᠤᠺ ᠤᠨ ᠡᠷᠬᠡ ᠪᠠᠨ ᠲᠠᠬᠢᠨ ᠵᠤᠬᠢᠶᠠᠨ ᠪᠠᠶᠢᠭᠤᠯᠬᠤ ᠶᠢ ᠪᠡᠶᠡᠯᠡᠬᠦᠯᠦᠨ᠎ᠠ᠃ ᠬᠠᠤᠯᠢ ᠪᠤᠰᠤ ᠮᠦᠩᠬᠦᠨ ᠭᠦᠢᠯᠬᠡᠬᠡᠨ ᠤ ᠠᠵᠢᠯᠯᠠᠭ᠎ᠠ ᠳᠤ | ᠴᠢᠩᠭ᠎ᠠ ᠴᠤᠬᠢᠯᠳᠠ ᠦᠭᠴᠤ᠂ ᠰᠢᠰᠲ᠋ᠧᠮ ᠤᠨ ᠴᠢᠨᠠᠷᠳᠠᠢ ᠮᠦᠩᠬᠦᠨ ᠭᠦᠢᠯᠬᠡᠬᠡᠨ ᠤ ᠲᠦᠭᠰᠢᠬᠦᠷᠢ ᠦᠯᠦ ᠡᠬᠦᠰᠬᠦ ᠬᠤᠷᠢᠭ᠎ᠠ ᠱᠤᠭᠤᠮ ᠢ ᠡᠷᠡᠰ ᠰᠠᠬᠢᠨ᠎ᠠ᠃ | ︵ᠬᠤᠶᠠᠷ︶ ᠡᠵᠡᠩᠨᠡᠨ ᠬᠤᠳᠠᠯᠳᠤᠭᠠᠯᠠᠬᠤ ᠤᠷᠴᠢᠨ ᠨᠦᠭᠦᠴᠡᠯ ᠢ ᠶᠡᠭᠡ ᠪᠠᠷ ᠰᠢᠯᠢᠳᠡᠭᠵᠢᠬᠦᠯᠦᠨ᠎ᠠ | ᠡᠵᠡᠩᠨᠡᠨ ᠬᠤᠳᠠᠯᠳᠤᠭᠠᠯᠠᠬᠤ ᠤᠷᠴᠢᠨ ᠨᠦᠭᠦᠴᠡᠯ ᠢ ᠰᠢᠯᠢᠳᠡᠭᠵᠢᠬᠦᠯᠬᠦ ᠲᠦᠷᠢᠮ ᠢ ᠨᠠᠶᠢᠳᠠᠪᠤᠷᠢᠵᠢᠭᠤᠯᠵᠦ᠂ ᠵᠠᠰᠠᠭ ᠤᠨ ᠤᠷᠳᠤᠨ ᠤ ᠦᠢᠯᠡᠴᠢᠯᠡᠬᠡᠨ ᠤ ᠭᠦᠴᠦᠨ | ᠴᠢᠳᠠᠪᠤᠷᠢ ᠪᠠᠨ ᠲᠡᠬᠡᠭᠰᠢᠯᠡᠬᠦᠯᠦᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢ ᠭᠦᠨᠵᠡᠬᠡᠶᠢᠷᠡᠬᠦᠯᠵᠦ᠂ ᠬᠡᠰᠡᠭ ᠭᠦᠷᠢᠶ᠎ᠡ ᠴᠠᠷᠠᠭᠠᠨ ᠳᠠᠬᠢ ᠬᠢᠨᠠᠨ | ᠵᠦᠪᠰᠢᠶᠡᠷᠡᠬᠦ ᠭᠠᠷᠳᠠᠮ ᠨᠢ ᠶᠠᠷᠰᠢᠭ ᠲᠦᠪᠡᠭᠳᠡᠢ᠂ ᠭᠦᠢᠴᠡᠳᠬᠡᠬᠦ ᠴᠠᠭ ᠨᠢ ᠬᠡᠳᠦ ᠤᠷᠳᠤ᠂ ᠦᠷ᠎ᠡ ᠪᠦᠳᠦᠮᠵᠢ ᠨᠢ ᠨᠡᠯᠢᠶᠡᠳ ᠲᠤᠤᠷ᠎ᠠ ᠪᠠᠶᠢᠭ᠎ᠠ ᠵᠡᠷᠬᠡ ᠠᠰᠠᠭᠤᠳᠠᠯ ᠢ | ᠭᠦᠴᠦᠯᠡᠨ ᠰᠶᠢᠳᠪᠦᠷᠢᠯᠡᠨ᠎ᠠ᠃ ᠠᠵᠦ ᠠᠬᠤᠶᠢᠯᠠᠯ ᠡᠷᠬᠢᠯᠡᠨ ᠨᠡᠬᠡᠬᠡᠬᠦ ᠴᠠᠭ ᠢ ᠪᠤᠭᠤᠨᠢᠰᠬᠠᠭᠠᠳ 3 ᠠᠵᠢᠯᠯᠠᠬᠤ ᠡᠳᠦᠷ ᠤᠨ ᠲᠤᠳᠤᠷ᠎ᠠ ᠲᠠᠭᠤᠰᠬᠠᠬᠤ ᠪᠤᠯᠭᠠᠵᠦ᠂ ᠦᠯᠦ | ᠭᠦᠳᠡᠯᠬᠦ ᠭᠦᠷᠦᠩᠬᠡ ᠶᠢᠨ ᠲᠠᠩᠰᠠᠯᠠᠨ ᠲᠡᠮᠳᠡᠭᠯᠡᠬᠦ ᠴᠠᠭ ᠢ ᠪᠤᠭᠤᠨᠢᠰᠬᠠᠭᠠᠳ 5 ᠠᠵᠢᠯᠯᠠᠬᠤ ᠡᠳᠦᠷ ᠤᠨ ᠲᠤᠳᠤᠷ᠎ᠠ ᠲᠠᠭᠤᠰᠬᠠᠬᠤ ᠪᠤᠯᠭᠠᠨ᠎ᠠ᠃ ᠵᠠᠰᠠᠭ ᠤᠨ | ᠶᠠᠪᠤᠳᠠᠯ ᠤᠨ ᠮᠡᠳᠡᠭᠡ ᠵᠠᠩᠬᠢ ᠶᠢᠨ ᠡᠬᠢ ᠪᠠᠶᠠᠯᠢᠭ ᠢ ᠬᠠᠮᠳᠤ ᠳᠤ ᠪᠠᠨ ᠭᠦᠷᠳᠡᠬᠦ ᠶᠢ ᠠᠬᠢᠭᠤᠯᠵᠦ᠂ ᠨᠢᠬᠡ ᠯᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ᠂ ᠤᠨᠳᠤᠤ | ᠭᠠᠵᠠᠷ ᠲᠤ ᠭᠦᠢᠴᠡᠳᠬᠡᠵᠦ ᠪᠤᠯᠬᠤ ᠶᠢ ᠪᠡᠶᠡᠯᠡᠬᠦᠯᠦᠨ᠎ᠠ᠃ ᠪᠠᠷᠢᠯᠭ᠎ᠠ ᠶᠢᠨ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠤᠨ ᠬᠢᠨᠠᠨ ᠵᠦᠪᠰᠢᠶᠡᠷᠡᠬᠦ ᠲᠦᠷᠢᠮ ᠤᠨ | ᠦᠬᠡᠷᠡᠴᠢᠯᠡᠯᠳᠡ ᠶᠢ ᠭᠦᠨᠵᠡᠬᠡᠶᠢᠷᠡᠬᠦᠯᠵᠦ᠂ ᠪᠡᠯᠡ ᠤᠷᠤᠭᠤᠯᠤᠯᠳᠠ ᠶᠢᠨ ᠲᠦᠷᠦᠯ ᠵᠦᠢᠯ ᠤᠨ ᠠᠮᠠᠯᠠᠬᠤ ᠲᠦᠷᠢᠮ ᠪᠠ ᠰᠠᠯᠠᠭ᠎ᠠ ᠮᠦᠴᠢᠷ ᠤᠨ ᠤᠷᠤᠯᠠᠨ ᠭᠦᠢᠴᠡᠳᠬᠡᠬᠦ | ᠲᠦᠷᠢᠮ ᠢ ᠠᠬᠢᠭᠤᠯᠤᠨ᠎ᠠ᠃ ᠭᠠᠶᠢᠯᠢ ᠶᠢ ᠬᠠᠰᠤᠵᠦ ᠰᠦᠢᠳᠬᠡᠯ ᠢ ᠪᠠᠭᠤᠷᠠᠭᠤᠯᠬᠤ ᠦᠷ᠎ᠡ ᠪᠦᠳᠦᠮᠵᠢ ᠶᠢ ᠪᠠᠬᠢᠵᠢᠬᠦᠯᠦᠨ ᠦᠷᠬᠡᠳᠬᠡᠵᠦ᠂ ᠠᠵᠦ ᠠᠬᠤᠶᠢᠯᠠᠯ ᠤᠨ | ᠬᠡᠷᠡᠭᠯᠡᠬᠦ ᠴᠠᠬᠢᠯᠭᠠᠨ᠂ ᠪᠠᠷᠠᠭᠠᠨ ᠤ ᠭᠦᠢᠯᠬᠡᠬᠡ ᠵᠡᠷᠬᠡ ᠶᠢᠨ ᠦᠪᠡᠷ ᠤᠨ ᠦᠷᠳᠡᠭ ᠢ ᠨᠢ ᠪᠠᠭᠤᠷᠠᠭᠤᠯᠤᠨ᠎ᠠ᠃ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ | ᠬᠡᠷᠡᠭᠵᠢᠬᠦᠯᠬᠦ ᠦᠬᠡᠷᠡᠴᠢᠯᠡᠯᠳᠡ ᠶᠢ ᠭᠦᠨᠵᠡᠬᠡᠶᠢᠷᠡᠬᠦᠯᠵᠦ᠂ ᠤᠯᠠᠨ ᠲᠠᠯ᠎ᠠ ᠠᠴᠠ ᠪᠠᠶᠢᠴᠠᠭᠠᠬᠤ᠂ ᠲᠠᠪᠬᠤᠷᠳᠠᠭᠤᠯᠤᠨ ᠪᠠᠶᠢᠴᠠᠭᠠᠬᠤ ᠶᠢ ᠡᠷᠡᠰ ᠵᠠᠰᠠᠨ᠎ᠠ᠃ | ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠤᠨ ᠦᠬᠡᠷᠡᠴᠢᠯᠡᠯᠳᠡ ᠬᠢᠵᠦ ᠰᠢᠨ᠎ᠠ ᠶᠢ ᠡᠭᠦᠳᠬᠦ ᠶᠢ ᠵᠤᠷᠢᠨᠨᠵᠢᠭᠤᠯᠬᠤ ᠶᠢᠨ ᠲᠠᠭᠠᠤ ᠭᠦᠳᠦᠯᠦᠨ ᠵᠢᠯᠤᠭᠤᠳᠴᠤ᠂ | ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠤᠨ ᠵᠢᠷᠤᠮᠵᠢᠭᠤᠨ ᠪᠦᠬᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠠᠷᠠᠳ ᠠᠴᠠ ᠡᠵᠡᠩᠨᠡᠭᠰᠡᠨ ᠠᠵᠦ | ᠠᠬᠤᠶᠢᠯᠠᠯ ᠤᠳ ᠡᠬᠢ ᠪᠠᠶᠠᠯᠢᠭ ᠤᠨ ᠭᠦᠴᠦᠨ ᠵᠦᠢᠯ ᠢ ᠬᠠᠤᠯᠢ ᠶᠤᠰᠤᠭᠠᠷ ᠡᠷᠬᠡ ᠲᠡᠭᠰᠢ ᠭᠦᠷᠳᠡᠬᠦ ᠪᠠ ᠬᠡᠷᠡᠭᠯᠡᠬᠦ ᠶᠢ ᠦᠨᠡᠨ ᠬᠦ ᠪᠠᠳᠤᠯᠠᠵᠦ᠂ ᠠᠵᠦ ᠠᠬᠤᠶᠢᠯᠠᠯ ᠤᠨ | ᠰᠢᠨᠵᠢ ᠴᠢᠨᠠᠷ ᠯᠤᠭ᠎ᠠ ᠬᠤᠯᠪᠤᠨᠨᠳᠠᠭᠤᠯᠤᠨᠨᠰᠠᠨ ᠭᠠᠳᠠᠭᠤᠷᠴᠢᠯᠠᠬᠤ ᠴᠢᠨᠠᠷᠳᠠᠢ ᠲᠤᠨᠨᠳᠠᠭᠠᠯ ᠪᠠ ᠠᠷᠭ᠎ᠠ ᠬᠢᠳᠡᠯ ᠢ ᠠᠷᠢᠯᠭᠠᠨ᠂ ᠠᠷᠠᠳ ᠠᠴᠠ ᠡᠵᠡᠩᠨᠡᠭᠰᠡᠨ ᠠᠵᠦ | ᠠᠬᠤᠶᠢᠯᠠᠯ ᠲᠤᠮᠳᠠ ᠵᠢᠵᠢᠭ ᠠᠵᠦ ᠠᠬᠤᠶᠢᠯᠠᠯ ᠳᠤ ᠥᠷᠢᠲᠦᠵᠦ ᠪᠠᠶᠢᠭᠰᠠᠨ ᠳᠠᠩᠰᠠᠨ ᠳᠠᠬᠢ ᠵᠣᠭᠤᠰ ᠢ ᠨᠢ ᠢᠯᠭᠠᠷᠠᠭᠤᠯᠬᠤ ᠠᠵᠢᠯ ᠢ ᠪᠡᠶᠡᠯᠡᠬᠦᠯᠦᠨ᠎ᠠ᠃ ᠮᠦᠩᠬᠦᠨ | ᠭᠦᠢᠯᠬᠡᠬᠡᠨ ᠤ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ ᠶᠢ ᠲᠦᠷᠬᠡᠳᠬᠡᠵᠦ᠂ ᠮᠦᠩᠬᠦᠨ ᠭᠦᠢᠯᠬᠡᠬᠡᠨ ᠤ ᠦᠢᠯᠡᠰ ᠤᠨ ᠠᠮᠢ | ᠠᠬᠤᠢ ᠶᠢᠨ ᠤᠷᠴᠢᠨ ᠨᠦᠭᠦᠴᠡᠯ ᠢ ᠰᠢᠯᠢᠳᠡᠭᠵᠢᠬᠦᠯᠦᠨ᠂ ᠭᠤᠤᠯᠳᠠᠯᠭ᠎ᠠ ᠲᠠᠢ ᠭᠦᠷᠢᠶ᠎ᠡ ᠴᠠᠷᠠᠭ᠎ᠠ ᠪᠠ ᠪᠠᠭᠤᠷᠠᠢ ᠲᠠᠯ᠎ᠠ ᠳᠤ ᠢᠳᠡᠬᠡᠮᠵᠢᠳᠦ ᠵᠢᠬᠡᠯᠡᠯᠬᠡ ᠲᠠᠯᠪᠢᠬᠤ | ᠡᠷᠴᠢᠮ ᠢᠶᠠᠨ ᠴᠢᠩᠭᠠᠷᠠᠭᠤᠯᠵᠦ᠂ ᠨᠡᠩ ᠤᠯᠠᠨ ᠰᠢᠯᠢᠳᠡᠭ ᠠᠵᠦ ᠠᠬᠤᠶᠢᠯᠠᠯ ᠢ ᠲᠡᠮᠵᠢᠵᠦ ᠪᠠᠶᠢᠭᠠᠳ ᠭᠦᠷᠦᠩᠬᠡ ᠶᠢᠨ ᠵᠠᠬ᠎ᠠ ᠲᠡᠯᠬᠡᠭᠦᠷ ᠢᠶᠠᠷ ᠲᠠᠮᠵᠢᠨ ᠪᠡᠯᠡ | ᠲᠤᠬᠢᠷᠠᠭᠤᠯᠭ᠎ᠠ ᠬᠢᠯᠬᠡᠵᠦ᠂ ᠪᠡᠯᠡ ᠲᠤᠬᠢᠷᠠᠭᠤᠯᠬᠤ ᠳᠤ ᠭᠦᠴᠢᠷ ᠪᠥᠭᠡᠳ ᠦᠨᠡᠳᠡᠢ ᠠᠰᠠᠭᠤᠳᠠᠯ ᠢ ᠨᠠᠮᠳᠠᠭᠠᠨ᠎ᠠ᠃ ᠦᠪᠡᠷᠳᠡᠬᠡᠨ ᠵᠠᠰᠠᠬᠤ ᠤᠷᠤᠨ ᠤ ᠮᠦᠩᠬᠦᠨ | ᠭᠦᠢᠯᠬᠡᠬᠡᠨ ᠤ ᠲᠦᠷᠢᠶᠡᠰᠦᠯᠡᠭᠦᠯᠬᠦ ᠺᠤᠮᠫᠠᠨᠢ ᠶᠢ ᠪᠠᠶᠢᠭᠤᠯᠵᠦ᠂ ᠲᠠᠬᠢᠨ ᠲᠠᠭᠠᠭᠠᠯᠳᠠ ᠬᠢᠬᠦ ᠪᠦᠯᠦᠭᠯᠡᠯ ᠢ ᠵᠤᠬᠢᠶᠠᠨ ᠪᠠᠶᠢᠭᠤᠯᠤᠨ᠎ᠠ᠃ | ︵ᠭᠤᠷᠪᠠ︶ ᠠᠵᠤ ᠦᠢᠯᠡᠰ ᠤᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠤᠨ᠎ᠠ | ᠦᠢᠯᠡᠳᠬᠦ ᠦᠢᠯᠡᠰ ᠢ ᠶᠡᠭᠡ ᠪᠠᠷ ᠬᠦᠭᠵᠢᠭᠦᠯᠵᠤ᠂ ᠡᠬᠢ ᠪᠠᠶᠠᠯᠢᠭ ᠢ ᠤᠯᠠᠷᠢᠭᠤᠯᠵᠦ ᠦᠷᠳᠡᠭ ᠢ ᠨᠢ ᠨᠡᠮᠡᠭᠳᠡᠬᠦᠯᠬᠦ ᠠᠵᠢᠯ ᠪᠠ ᠤᠳᠤ ᠦᠶ᠎ᠡ ᠶᠢᠨ ᠡᠨᠧᠷᠬᠢ ᠶᠢᠨ | ᠠᠵᠤ ᠠᠬᠤᠢ ᠶᠢᠨ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠢ ᠲᠡᠮᠵᠢᠵᠦ ᠪᠠᠶᠢᠭᠠᠳ ᠳᠤᠤᠷᠠᠳᠤ ᠬᠡᠯᠬᠢᠶᠡᠨ ᠤ ᠠᠵᠤ ᠦᠢᠯᠡᠰ ᠢ ᠭᠦᠭᠵᠢᠬᠦᠯᠦᠨ᠂ ᠡᠬᠢ | ᠪᠠᠶᠠᠯᠢᠭ ᠢ ᠶᠡᠷᠦᠩᠬᠡᠶᠢᠯᠡᠨ ᠠᠰᠢᠭᠯᠠᠬᠤ ᠨᠤᠷᠮ᠎ᠠ ᠪᠠ ᠨᠠᠷᠢᠯᠢᠬ ᠭᠦᠨ ᠪᠤᠯᠪᠠᠰᠤᠷᠠᠭᠤᠯᠬᠤ ᠬᠡᠮᠵᠢᠶ᠎ᠡ ᠶᠢ ᠲᠡᠬᠡᠭᠰᠢᠯᠡᠬᠦᠯᠦᠨ᠂ ᠠᠵᠤ ᠦᠢᠯᠡᠰ ᠤᠨ ᠬᠡᠯᠬᠢᠶᠡᠨ ᠤ ᠬᠢᠷᠢ | ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ ᠦᠢᠯᠡᠳᠬᠦ ᠦᠢᠯᠡᠰ ᠪᠠ ᠦᠢᠯᠡᠴᠢᠯᠡᠬᠦ ᠦᠢᠯᠡᠰ ᠤᠨ ᠭᠦᠨ ᠠᠭᠤᠰᠤᠯᠴᠠᠯ ᠢ ᠠᠬᠢᠭᠤᠯᠵᠤ᠂ ᠬᠢᠮᠢ ᠶᠢᠨ ᠠᠵᠤ | ᠦᠢᠯᠡᠳᠪᠦᠷᠢ᠂ ᠲᠤᠨᠤᠭ ᠲᠦᠬᠦᠭᠡᠷᠦᠮᠵᠢ ᠦᠢᠯᠡᠳᠬᠦ᠂ ᠪᠣᠯᠤᠳ ᠲᠡᠮᠦᠷ ᠪᠠ ᠦᠩᠬᠡᠳᠦ ᠲᠡᠮᠦᠷᠯᠢᠭ ᠪᠤᠯᠪᠠᠰᠤᠷᠠᠭᠤᠯᠬᠤ᠂ ᠰᠦ᠋ ᠴᠠᠭᠠᠨ ᠢᠳᠡᠬᠡᠨ ᠪᠤᠯᠪᠠᠰᠤᠷᠠᠭᠤᠯᠬᠤ | ᠵᠡᠷᠬᠡ ᠲᠠᠪᠠᠭᠤᠯᠢᠭ ᠲᠠᠢ ᠣᠨᠴᠠᠯᠢᠭᠲᠤ ᠭᠦᠷᠢᠶ᠎ᠡ ᠴᠠᠷᠠᠭᠠᠨ ᠳᠤ᠂ ᠨᠢᠭᠡ ᠪᠦᠯᠦᠭ ᠠᠵᠤ ᠦᠢᠯᠡᠰ ᠤᠨ ᠪᠦᠯᠦᠭᠵᠢᠯ ᠢ ᠴᠤᠭᠴᠠᠯᠠᠨ᠎ᠠ᠃ ᠲᠡᠯᠡᠬᠡᠢ ᠶᠢᠨ ᠡᠨᠧᠷᠬᠢ ᠶᠢᠨ | ᠮᠡᠷᠬᠡᠵᠢᠯ ᠤᠨ ᠬᠤᠪᠢᠰᠬᠠᠯ ᠤᠨ ᠰᠢᠨ᠎ᠠ ᠬᠠᠨᠳᠤᠰᠢ ᠶᠢ ᠴᠢᠩᠭ᠎ᠠ ᠲᠠᠭᠠᠵᠦ᠂ ᠰᠠᠯᠬᠢᠨ ᠬᠦᠴᠦᠨ ᠤ ᠴᠠᠬᠢᠯᠭᠠᠨ᠂ ᠭᠡᠷᠡᠯ ᠴᠡᠨᠡᠭ ᠵᠡᠷᠭᠡ ᠠᠵᠤ ᠦᠢᠯᠡᠰ ᠤᠨ ᠬᠡᠪᠴᠢᠶᠡᠵᠢᠬᠦ᠂ | ᠰᠠᠭᠤᠷᠢᠨᠵᠢᠬᠤ ᠬᠦᠭᠵᠢᠯᠲᠡ ᠶᠢ ᠵᠣᠬᠢᠰᠲᠠᠢ ᠪᠠᠶᠢᠷᠢᠰᠢᠭᠤᠯᠬᠤ ᠪᠠ ᠡᠮᠬᠢ ᠵᠢᠷᠤᠮ ᠲᠠᠢ ᠠᠬᠢᠭᠤᠯᠵᠤ᠂ ᠭᠠᠵᠠᠷ ᠤᠨ ᠢᠯᠴᠢ ᠶᠢᠨ ᠡᠬᠢ ᠪᠠᠶᠠᠯᠢᠭ ᠢ ᠨᠡᠭᠡᠭᠡᠨ | ᠠᠰᠢᠭᠯᠠᠬᠤ ᠶᠢ ᠲᠦᠷᠭᠡᠳᠭᠡᠨ᠎ᠡ᠃ ᠤᠯᠤᠰ ᠤᠨ ᠣᠳᠤ ᠦᠶ᠎ᠡ ᠶᠢᠨ ᠡᠨᠧᠷᠬᠢ ᠶᠢᠨ ᠠᠵᠤ ᠠᠬᠤᠢ ᠶᠢᠨ ᠵᠢᠱᠢᠶ᠎ᠡ ᠦᠵᠡᠭᠦᠯᠬᠦ ᠤᠷᠤᠨ ᠢ ᠡᠭᠦᠳᠦᠨ ᠪᠠᠶᠢᠭᠤᠯᠤᠨ᠎ᠠ᠃ | | ᠲᠤᠭᠠᠵᠢᠯᠬᠠᠰᠠᠨ ᠠᠵᠤ ᠠᠬᠤᠢ ᠶᠢ ᠶᠡᠭᠡ ᠪᠠᠷ ᠬᠦᠭᠵᠢᠭᠦᠯᠵᠦ᠂ 5G ᠴᠢᠮᠡᠭᠡ ᠬᠤᠯᠪᠤᠭᠠᠨ ᠤ ᠬᠡᠷᠡᠭᠯᠡᠭᠡᠨ ᠪᠠ ᠲᠤᠮᠤ ᠳ᠋ᠠᠶᠢᠲ᠋ᠠ᠂ ᠬᠡᠰᠡᠭ ᠤᠳ ᠤᠨ ᠬᠡᠯᠬᠢᠶ᠎ᠡ᠂ | ᠪᠤᠳᠠᠰᠯᠢᠭ ᠬᠤᠯᠪᠤᠭᠠᠲᠤ ᠰᠦᠯᠵᠢᠶ᠎ᠡ᠂ ᠵᠣᠬᠢᠶᠠᠮᠠᠯ ᠤᠶᠤᠨ ᠵᠡᠷᠭᠡ ᠠᠵᠤ ᠦᠢᠯᠡᠰ ᠢ ᠢᠳᠡᠪᠬᠢᠲᠡᠢ ᠪᠠᠶᠢᠷᠢᠰᠢᠭᠤᠯᠤᠨ᠎ᠠ᠃ ᠣᠶᠤᠨᠴᠢᠯᠠᠬᠤ ᠦᠭᠡᠷᠡᠴᠢᠯᠡᠯᠲᠡ ᠶᠢ | ᠠᠬᠢᠭᠤᠯᠵᠤ᠂ ᠠᠶᠤᠯ ᠶᠡᠭᠡ ᠲᠠᠢ ᠠᠵᠢᠯ ᠲᠦᠷᠦᠯ᠂ ᠠᠵᠢᠯ ᠢᠶᠠᠷ ᠭᠦᠨᠳᠦ ᠦᠢᠯᠡᠳᠪᠦᠷᠢᠯᠡᠯ ᠤᠨ ᠭᠤᠭᠴᠤᠭᠠᠨ ᠳᠤ ᠮᠠᠰᠢᠨ ᠢᠶᠠᠷ ᠬᠦᠮᠦᠨ ᠢ ᠤᠷᠤᠯᠠᠭᠤᠯᠬᠤ ᠶᠢ | ᠬᠡᠷᠡᠭᠵᠢᠭᠦᠯᠦᠨ᠎ᠡ᠃ ᠬᠤᠪᠤᠷ ᠰᠢᠷᠤᠢ ᠶᠢᠨ ᠰᠢᠨ᠎ᠡ ᠮᠠᠲ᠋ᠧᠷᠢᠶᠠᠯ᠂ ᠪᠠᠯ ᠴᠢᠯᠠᠭᠤᠨ ᠴᠠᠬᠢᠯᠭᠠᠨ ᠲᠦᠢᠯ ᠤᠨ ᠮᠠᠲ᠋ᠧᠷᠢᠶᠠᠯ᠂ ᠪᠠᠯ ᠴᠢᠯᠠᠭᠤᠨ ᠠᠯᠺᠧᠠ ᠵᠡᠷᠭᠡ ᠶᠢ ᠰᠤᠳᠤᠯᠤᠨ | ᠨᠡᠭᠡᠭᠡᠬᠦ ᠪᠠ ᠠᠵᠤ ᠦᠢᠯᠡᠰᠵᠢᠭᠦᠯᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ᠬᠦᠬᠡᠬᠤᠲᠠ ᠳᠠᠬᠢ ᠤᠯᠤᠰ ᠤᠨ ᠳᠡᠰ ᠤᠨ ᠢᠨᠲ᠋ᠧᠷ ᠰᠦᠯᠵᠢᠶᠡᠨ ᠤ | ᠭᠤᠤᠯᠯᠬᠠᠴᠢ ᠪᠤᠯᠬᠤ ᠰᠢᠭᠤᠳ ᠬᠤᠯᠪᠤᠭᠳᠠᠬᠤ ᠴᠡᠭ ᠢ ᠪᠦᠲᠦᠭᠡᠨ ᠪᠠᠶᠢᠭᠤᠯᠤᠨ᠎ᠠ᠃ | ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠪᠠᠶᠢᠷᠢᠰᠢᠭᠤᠯᠤᠯᠲᠠ ᠶᠢ ᠨᠢᠭᠡᠳᠦᠯᠲᠡᠢ ᠲᠦᠯᠦᠪᠵᠢᠭᠦᠯᠵᠦ᠂ ᠨᠡᠷ᠎ᠡ ᠶᠢᠨ ᠳᠡᠳᠦᠢ ᠤᠷᠤᠰᠢᠵᠤ ᠪᠠᠶᠢᠭ᠎ᠠ | ᠪᠠ ᠠᠵᠤ ᠦᠢᠯᠡᠰ ᠨᠢ ᠢᠵᠢᠯᠢᠰᠢᠭᠰᠡᠨ ᠬᠦᠷᠢᠶᠡᠯᠡᠩ ᠲᠤᠭᠤᠷᠢᠭ ᠢ ᠢᠯᠭᠠᠷᠠᠭᠤᠯᠤᠨ ᠴᠡᠭᠴᠡᠯᠡᠬᠦ ᠪᠠ ᠡᠮᠬᠢᠯᠡᠨ ᠨᠡᠶᠢᠯᠡᠬᠦᠯᠵᠦ᠂ ᠡᠨᠧᠷᠬᠢ ᠶᠢᠨ ᠬᠤᠷᠤᠭᠳᠠᠯ ᠶᠡᠭᠡ ᠲᠠᠢ | ᠪᠦᠬᠡᠳ ᠦᠷ᠎ᠡ ᠪᠦᠲᠦᠮᠵᠢ ᠪᠠᠷ ᠳᠤᠤᠷ᠎ᠠ ᠪᠠᠶᠢᠭ᠎ᠠ ᠬᠦᠷᠢᠶᠡᠯᠡᠩ ᠲᠤᠭᠤᠷᠢᠭ ᠬᠢᠭᠡᠳ ︽ᠲᠠᠷᠠᠬᠠᠢ ᠪᠤᠲᠠᠷᠬᠠᠢ ᠵᠠᠮᠪᠠᠷᠠᠭ᠎ᠠ ᠦᠭᠡᠢ ᠪᠠ ᠪᠤᠬᠢᠷᠳᠤᠯ ᠶᠡᠭᠡ ᠲᠠᠢ︾ ᠠᠵᠤ | ᠠᠬᠤᠶᠢᠯᠠᠯ ᠤᠳ ᠤᠨ ᠡᠭᠦᠳᠡ ᠶᠢ ᠨᠢ ᠬᠠᠭᠠᠵᠦ᠂ ᠦᠢᠯᠡᠳᠪᠦᠷᠢᠯᠡᠯ ᠢ ᠨᠢ ᠵᠤᠨᠨᠰᠤᠭᠠᠵᠦ᠂ ᠨᠢᠬᠡᠳᠬᠡᠨ ᠨᠡᠶᠢᠯᠡᠬᠦᠯᠬᠦ ᠪᠠ ᠦᠬᠡᠷ᠎ᠡ ᠦᠢᠯᠡᠳᠭᠦᠨ ᠦᠢᠯᠡᠳᠬᠦ ᠪᠤᠯᠭᠠᠨ᠎ᠠ᠃ | ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠪᠠᠶᠢᠷᠢ ᠲᠤᠭᠲᠠᠭᠠᠯᠲᠠ ᠶᠢ ᠰᠢᠨᠵᠢᠯᠡᠬᠦ ᠤᠬᠠᠭᠠᠨᠴᠢ ᠪᠠᠷ ᠲᠤᠭᠲᠠᠭᠠᠵᠤ᠂ ᠤᠳᠤᠷᠢᠳᠤᠮᠵᠢ ᠪᠤᠯᠬᠤ ᠠᠵᠤ | ᠦᠢᠯᠡᠰ ᠤᠨ ᠲᠤᠭᠤᠷᠢᠨ ᠳᠤ ᠡᠷᠭᠢᠯᠲᠡᠲᠦ ᠠᠵᠤ ᠠᠬᠤᠢ ᠶᠢ ᠬᠦᠭᠵᠢᠭᠦᠯᠵᠦ᠂ ᠨᠢᠭᠡᠴᠢ ᠲᠠᠯᠠᠪᠠᠢ ᠶᠢᠨ ᠤᠷᠤᠭᠤᠯᠤᠯᠲᠠ ᠶᠢᠨ ᠬᠦᠴᠦᠯᠡᠴᠡ ᠪᠠ ᠭᠠᠷᠭᠠᠯᠲᠠ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ | ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠤᠩᠭᠤᠯ ᠢᠶᠠᠨ ᠭᠦᠭᠵᠢᠬᠦᠯᠦᠨ ᠮᠠᠨᠳᠤᠭᠤᠯᠬᠤ︾ ᠠᠵᠢᠯᠯᠠᠭᠠᠨ ᠢ ᠭᠦᠨᠵᠡᠭᠡᠶᠢᠷᠡᠨ ᠬᠡᠷᠡᠭᠵᠢᠭᠦᠯᠵᠦ᠂ | ᠰᠠᠭᠤᠷᠢᠯᠠᠬᠤ ᠴᠢᠨᠠᠷᠲᠠᠢ᠂ ᠬᠡᠷᠡᠭᠯᠡᠭᠡᠨ ᠤ ᠴᠢᠨᠠᠷᠲᠠᠢ ᠰᠤᠳᠤᠯᠭᠠᠨ ᠢ ᠴᠢᠩᠭᠠᠳᠬᠠᠵᠤ᠂ ᠭᠤᠣᠯᠳᠠᠭᠤ ᠡᠨᠧᠷᠬᠢ᠂ ᠮᠠᠲ᠋ᠧᠷᠢᠶᠠᠯ᠂ ᠲᠤᠨᠤᠭ ᠲᠦᠬᠦᠭᠡᠷᠦᠮᠵᠢ ᠦᠢᠯᠡᠳᠬᠦ᠂ | ᠠᠮᠢ ᠠᠬᠤᠢ ᠤᠷᠴᠢᠨ ᠲᠤᠭᠤᠷᠢᠨ᠂ ᠲᠠᠷᠢᠶᠠᠯᠠᠩ ᠮᠠᠯ ᠠᠵᠤ ᠠᠬᠤᠢ ᠵᠡᠷᠭᠡ ᠬᠦᠷᠢᠶ᠎ᠡ ᠴᠠᠷᠠᠭᠠᠨ ᠤ ᠵᠠᠩᠭᠢᠯᠠᠭ᠎ᠠ ᠶᠢᠨ ᠮᠡᠷᠭᠡᠵᠢᠯ ᠳᠤ ᠪᠤᠭᠤᠮᠲᠠ ᠰᠢᠪᠲᠤᠯᠦᠨᠡ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠤᠷᠤᠭᠤᠯᠤᠯᠲᠠ ᠳᠠᠬᠢ ᠵᠠᠰᠠᠭ ᠤᠨ ᠤᠷᠳᠤᠨ ᠤ ᠬᠦᠲᠦᠯᠦᠨ ᠵᠢᠯᠤᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ | ᠠᠵᠤ ᠠᠬᠤᠶᠢᠯᠠᠯ ᠤᠨ ᠰᠢᠨ᠎ᠡ ᠶᠢ ᠡᠭᠦᠳᠬᠦ ᠢᠳᠡᠪᠬᠢᠵᠢᠯ ᠢ ᠪᠠᠳᠠᠷᠠᠭᠠᠨ᠂ ᠰᠤᠳᠤᠯᠤᠨ ᠨᠡᠬᠡᠬᠡᠬᠦ ᠲᠠᠯ᠎ᠠ ᠪᠠᠷ ᠬᠢ ᠨᠡᠶᠢᠬᠡᠮ ᠲᠠᠶᠠᠭᠠᠷ ᠤᠨ ᠤᠷᠤᠭᠤᠯᠤᠯᠲᠠ ᠬᠢᠬᠦ ᠶᠢ | ᠨᠡᠮᠡᠭᠳᠡᠭᠦᠯᠦᠨ᠎ᠡ᠃ ᠠᠵᠦ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ᠂ ᠪᠡᠯᠡ ᠮᠦᠡᠭᠭᠦᠨ ᠤ ᠬᠡᠯᠬᠢᠶᠡᠨ ᠤ ᠤᠷᠭᠠᠨᠢᠬ ᠠᠭᠤᠰᠤᠯᠴᠠᠯ ᠢ ᠠᠬᠢᠭᠤᠯᠵᠦ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠳᠤ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠬᠠᠩᠭᠠᠯᠭ᠎ᠠ ᠬᠡᠷᠡᠭᠴᠡᠭᠡ ᠶᠢ ᠵᠠᠯᠭᠠᠯᠳᠤᠭᠤᠯᠬᠤ ᠲᠤᠭᠲᠠᠴᠠ ᠶᠢ | ᠪᠠᠶᠢᠭᠤᠯᠤᠨ᠂ ᠰᠤᠳᠤᠯᠤᠨ ᠨᠡᠭᠡᠭᠡᠭᠰᠡᠨ ᠦᠷ᠎ᠡ ᠪᠦᠲᠦᠭᠡᠯ ᠢ ᠰᠢᠯᠵᠢᠬᠦᠯᠦᠨ ᠤᠯᠠᠷᠢᠭᠤᠯᠬᠤ ᠪᠠᠨ ᠠᠬᠢᠭᠤᠯᠵᠤ᠂ ᠴᠡᠷᠢᠭ ᠠᠷᠠᠳ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠠᠮᠵᠢᠯᠴᠠᠭ᠎ᠠ ᠪᠠ ᠴᠡᠷᠢᠭ ᠠᠷᠠᠳ ᠤᠨ ᠬᠡᠷᠡᠭᠯᠡᠭᠡ ᠶᠢᠨ ᠠᠭᠤᠰᠤᠯᠴᠠᠨ ᠭᠦᠭᠵᠢᠬᠦ ᠶᠢ ᠠᠬᠢᠭᠤᠯᠤᠨ᠎ᠠ᠃ ᠬᠦᠬᠡᠬᠤᠲᠠ ᠪᠤᠭᠤᠳᠤ ᠤᠷᠳᠤᠰ ᠲᠠᠬᠢ | ᠤᠯᠤᠰ ᠤᠨ ᠪᠡᠶ᠎ᠡ ᠪᠠᠨ ᠲᠠᠭᠠᠭᠠᠨᠨᠰᠠᠨ ᠰᠢᠨ᠎ᠡ ᠡᠭᠦᠳᠦᠯᠳᠡ ᠲᠠᠢ ᠵᠢᠱᠢᠶ᠎ᠡ ᠦᠵᠡᠭᠦᠯᠬᠦ ᠤᠷᠤᠨ ᠢ ᠴᠣᠭᠴᠠᠯᠠᠨ ᠪᠠᠶᠢᠭᠤᠯᠵᠤ᠂ ᠤᠯᠤᠰ ᠤᠨ ᠪᠠ ᠥᠪᠡᠷᠲᠡᠭᠡᠨ ᠵᠠᠰᠠᠬᠤ | ᠤᠷᠤᠨ ᠤ ᠳᠡᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠢᠨᠵᠧᠨᠧᠷᠢᠩ ᠤᠨ ᠰᠤᠳᠤᠯᠭᠠᠨ ᠤ ᠲᠥᠪ᠂ ᠮᠡᠷᠭᠡᠵᠢᠯ ᠤᠨ ᠰᠢᠨ᠎ᠡ ᠡᠭᠦᠳᠦᠯᠳᠡ ᠶᠢᠨ ᠲᠥᠪ ᠢ | ᠴᠣᠭᠴᠠᠯᠠᠨ ᠪᠠᠶᠢᠭᠤᠯᠵᠤ᠂ ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠷᠦᠯ ᠵᠦᠢᠯ ᠢ ᠮᠠᠨ ᠤ ᠤᠷᠤᠨ ᠳᠤ ᠪᠠᠨ | ᠪᠠᠶᠢᠷᠢᠰᠢᠭᠤᠯᠬᠤ ᠪᠠᠷ ᠴᠢᠷᠮᠠᠶᠢᠨ᠎ᠠ᠃ ᠴᠢᠳᠠᠪᠤᠷᠢᠲᠠᠨ ᠢ ᠭᠦᠮᠦᠵᠢᠬᠦᠯᠬᠦ᠂ ᠲᠠᠲᠠᠨ ᠤᠷᠤᠭᠤᠯᠬᠤ ᠪᠠ ᠬᠡᠷᠡᠭᠯᠡᠬᠦ ᠠᠵᠢᠯ ᠢ ᠰᠠᠶᠢᠲᠤᠷ ᠬᠢᠨ᠎ᠡ᠃ | ︵ᠳᠦᠷᠪᠡ︶ ᠪᠦᠲᠦᠮᠵᠢᠲᠡᠢ ᠬᠡᠷᠡᠭᠴᠡᠭᠡ ᠱᠠᠭᠠᠷᠳᠠᠯᠭ᠎ᠠ ᠶᠢ ᠬᠦᠴᠦᠯᠡᠨ ᠦᠷᠭᠡᠳᠭᠡᠨ᠎ᠡ | ᠬᠡᠷᠡᠭᠯᠡᠭᠡ ᠶᠢᠨ ᠲᠤᠭᠲᠠᠭᠤᠨ ᠨᠡᠮᠡᠭᠳᠡᠯ ᠢ ᠠᠬᠢᠭᠤᠯᠵᠦ᠂ ᠪᠤᠳᠠᠳᠤ ᠲᠠᠸᠠᠷ ᠤᠨ ᠬᠡᠷᠡᠭᠯᠡᠭᠡ ᠶᠢ ᠦᠷᠬᠡᠳᠬᠡᠨ᠂ ᠳᠦᠭᠦᠮ ᠳᠡᠯᠭᠡᠭᠦᠷ᠂ ᠨᠡᠶᠢᠭᠡᠮ ᠲᠤᠭᠤᠷᠢᠭ ᠤᠨ | ᠢᠳᠡᠰᠢᠨ ᠨᠤᠭᠤᠭᠠᠨ ᠤ ᠵᠠᠬ᠎ᠠ ᠳᠡᠯᠭᠡᠭᠦᠷ ᠵᠡᠷᠭᠡ ᠠᠷᠠᠳ ᠲᠤ ᠲᠦᠭᠦᠮ ᠦᠵᠡᠭᠦᠯᠬᠦ ᠬᠡᠷᠡᠭᠯᠡᠭᠡ ᠶᠢᠨ ᠪᠡᠯᠡᠳᠭᠡᠮᠵᠢ ᠶᠢ ᠳᠡᠭᠦᠯᠳᠡᠷᠵᠢᠭᠦᠯᠦᠨ᠎ᠡ᠃ ᠣᠯᠠᠨ ᠶᠠᠩᠵᠦ ᠶᠢᠨ | ᠬᠡᠷᠡᠭᠴᠡᠭᠡ ᠱᠠᠭᠠᠷᠳᠠᠯᠭ᠎ᠠ ᠶᠢ ᠠᠩᠬᠠᠷᠤᠨ ᠰᠶᠢᠳᠪᠦᠷᠢᠯᠡᠵᠦ᠂ ᠬᠤᠳᠠᠯᠳᠤᠭᠠᠨ ᠤ ᠰᠢᠨ᠎ᠡ ᠵᠠᠭᠪᠤᠷ ᠢ ᠲᠠᠲᠠᠨ ᠤᠷᠤᠭᠤᠯᠵᠦ ᠬᠦᠭᠵᠢᠭᠦᠯᠣᠨ᠂ ᠬᠤᠳᠠᠯᠳᠤᠭᠠᠨ ᠤ ᠶᠠᠪᠠᠭᠠᠨ | ᠵᠡᠭᠡᠯᠢ ᠶᠢ ᠦᠭᠡᠷᠡᠴᠢᠯᠡᠨ ᠰᠠᠶᠢᠵᠢᠷᠠᠭᠤᠯᠵᠤ᠂ ᠦᠵᠡᠰᠭᠦᠯᠡᠩ ᠴᠤᠬᠯᠠᠭᠠᠨ ᠤ ᠠᠵᠦ ᠠᠬᠤᠢ᠂ ᠦᠳᠡᠰᠢ ᠤᠷᠤᠢ ᠶᠢᠨ ᠬᠡᠷᠡᠭᠯᠡᠭᠡ ᠶᠢᠨ ᠠᠵᠤ ᠠᠬᠤᠢ᠂ ᠮᠡᠳᠡᠭᠡ | ᠵᠠᠩᠭᠢ ᠶᠢᠨ ᠬᠡᠷᠡᠭᠯᠡᠭᠡ ᠶᠢ ᠬᠦᠭᠵᠢᠭᠦᠯᠤᠨ᠎ᠡ᠃ ᠡᠮᠴᠢᠯᠡᠬᠡᠨ ᠤ ᠰᠤᠪᠢᠯᠠᠯᠳᠠ ᠪᠠ ᠡᠷᠡᠭᠦᠯᠵᠢᠯ ᠤᠨ ᠰᠤᠪᠢᠯᠠᠯᠳᠠ ᠶᠢᠨ ᠤᠶᠠᠯᠳᠤᠯ ᠢ ᠠᠬᠢᠭᠤᠯᠵᠤ᠂ ᠨᠠᠰᠤᠲᠠᠳ ᠢ | ᠠᠰᠠᠷᠠᠬᠤ᠂ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢ ᠤᠯᠠᠨ ᠠᠷᠭ᠎ᠠ ᠵᠠᠮ ᠢᠶᠠᠷ ᠨᠡᠮᠡᠭᠳᠡᠭᠦᠯᠤᠨ᠎ᠡ᠃ ᠰᠤᠶᠤᠯ᠂ ᠪᠡᠶ᠎ᠡ ᠶᠢᠨ ᠲᠠᠮᠢᠷ᠂ ᠵᠢᠭᠤᠯᠴᠢᠯᠠᠯ | ᠵᠡᠷᠬᠡ ᠬᠡᠷᠡᠭᠯᠡᠭᠡ ᠶᠢ ᠦᠷᠭᠦᠯᠵᠢᠯᠡᠨ ᠦᠷᠬᠡᠳᠬᠡᠨ᠎ᠠ᠃ ᠦᠪᠦᠷ ᠮᠤᠩᠭᠤᠯ ᠤᠨ ᠢᠶᠠᠨ ᠨᠡᠷᠡᠳᠦ ᠲᠡᠮᠳᠡᠭᠳᠦ ᠡᠯᠧᠺᠲᠷᠤᠨ ᠬᠤᠳᠠᠯᠳᠤᠭ᠎ᠠ ᠶᠢ ᠡᠭᠦᠳᠴᠤ᠂ ᠮᠠᠯᠵᠢᠬᠤ | ᠲᠠᠷᠢᠶᠠᠯᠠᠬᠤ ᠤᠷᠤᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠢ ᠭᠦᠭᠵᠢᠬᠦᠯᠦᠨ᠂ ᠪᠠᠷᠠᠭᠠᠨ ᠤ ᠭᠦᠢᠯᠭᠡᠭᠡᠨ ᠤ ᠲᠤᠤᠷ ᠴᠡᠭ ᠢ ᠨᠡᠮᠡᠭᠳᠡᠬᠦᠯᠵᠦ᠂ ᠪᠠᠷᠠᠭᠠᠨ ᠤ | ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠤᠨ᠎ᠠ᠃ ᠳᠡᠭᠡᠳᠦ ᠬᠤᠷᠳᠤ ᠶᠢᠨ ᠲᠡᠮᠦᠷ ᠵᠠᠮ ᠤᠨ ᠠᠵᠤ ᠠᠬᠤᠢ ᠶᠢ ᠶᠡᠭᠡ ᠪᠠᠷ ᠭᠦᠭᠵᠢᠬᠦᠯᠦᠨ᠂ ᠪᠡᠭᠡᠵᠢᠩ | ᠲᠢᠶᠠᠨᠵᠢᠨ ᠾᠧᠪᠧᠢ ᠶᠢᠨ ᠲᠤᠮᠤ ᠵᠠᠬ᠎ᠠ ᠳᠡᠯᠭᠡᠭᠦᠷ ᠲᠤ ᠢᠳᠡᠪᠬᠢᠲᠡᠢ ᠪᠠᠷ ᠠᠭᠤᠰᠤᠯᠴᠠᠨ ᠤᠷᠤᠵᠤ᠂ ᠬᠡᠷᠡᠭᠯᠡᠭᠡ᠂ ᠠᠵᠤ ᠦᠢᠯᠡᠰ ᠪᠠ ᠬᠦᠴᠦᠨ ᠵᠦᠢᠯ ᠢ ᠲᠠᠲᠠᠵᠤ | ᠪᠠᠶᠢᠭᠠᠳ ᠮᠠᠨ ᠤ ᠤᠷᠤᠨ ᠳᠤ ᠪᠠᠨ ᠲᠦᠪᠯᠡᠷᠡᠭᠦᠯᠦᠨ᠎ᠡ᠃ | ︽ᠥᠪᠥᠷ ᠮᠤᠩᠭᠤᠯ ᠤᠨ ᠦᠨᠦᠷ ᠠᠮᠲᠠ︾ ︽ᠥᠪᠥᠷ ᠮᠤᠩᠭᠤᠯ ᠤᠨ ᠳᠠᠭᠤᠤ ᠬᠦᠭᠵᠢᠮ︾ ︽ᠥᠪᠥᠷ ᠮᠤᠩᠭᠤᠯ ᠤᠨ ᠺᠢᠨᠤ᠋ ᠲᠧᠯᠸᠢᠰ︾ ᠵᠡᠷᠭᠡ ᠨᠡᠷᠡᠲᠦ | ᠲᠡᠮᠲᠡᠭ ᠢ ︽ᠥᠪᠥᠷ ᠮᠤᠩᠭᠤᠯ ᠤᠨ ᠵᠢᠭᠤᠯᠴᠢᠯᠠᠯ︾ ᠲᠠᠢ ᠠᠭᠤᠰᠤᠯᠴᠠᠭᠤᠯᠤᠨ ᠭᠦᠭᠵᠢᠬᠦᠯᠬᠦ ᠶᠢ ᠠᠬᠢᠭᠤᠯᠤᠨ᠎ᠠ᠃ ᠨᠤᠲᠤᠭ ᠪᠡᠯᠴᠢᠭᠡᠷ᠂ ᠣᠢ ᠰᠢᠭᠤᠢ᠂ ᠡᠯᠡᠰᠦ | ᠮᠠᠩᠬ᠎ᠠ ᠪᠠ ᠭᠠᠯᠲᠤ ᠠᠭᠤᠯᠠ᠂ ᠮᠦᠰᠦᠳᠦᠯᠬᠡ ᠶᠢᠨ ᠦᠯᠡᠳᠡᠭᠳᠡᠯ ᠵᠡᠷᠭᠡ ᠭᠠᠵᠠᠷ ᠲᠠᠬᠢ ᠵᠢᠭᠤᠯᠴᠢᠯᠠᠯ ᠢ ᠰᠠᠶᠢᠲᠤᠷ ᠬᠢᠬᠦ ᠶᠢᠨ ᠳᠠᠭᠠᠤ ᠳᠤ᠂ ︽ᠠᠷᠪᠠᠨ ᠳᠥᠷᠪᠡᠳᠦᠭᠡᠷ | ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ︾ ᠪᠠ ᠡᠪᠦᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ | ᠲᠤᠬᠢᠶᠠᠯᠳᠤᠭᠤᠯᠵᠦ᠂ ᠡᠯ᠎ᠡ ᠲᠦᠷᠦᠯ ᠤᠨ ᠲᠠᠯᠠᠪᠤᠷ ᠤᠷᠳᠤᠨ ᠤ ᠪᠡᠯᠡᠳᠭᠡᠮᠵᠢ ᠪᠠ ᠮᠦᠰᠦ ᠴᠠᠰᠤᠨ ᠤ ᠡᠬᠢ ᠪᠠᠶᠠᠯᠢᠭ ᠢ ᠠᠰᠢᠭᠯᠠᠨ᠂ ᠡᠪᠦᠯ ᠤᠨ ᠤᠯᠠᠷᠢᠯ ᠤᠨ | ᠵᠢᠭᠤᠯᠴᠢᠯᠠᠯ ᠢ ᠶᠡᠭᠡ ᠪᠠᠷ ᠬᠦᠭᠵᠢᠭᠦᠯᠵᠦ᠂ ᠮᠦᠰᠦ ᠴᠠᠰᠤᠨ ᠤ ᠠᠵᠤ ᠠᠬᠤᠢ ᠶᠢ ᠰᠠᠶᠢᠳᠤᠷ ᠬᠢᠨ᠎ᠠ᠃ ᠬᠠᠲᠤᠨ ᠭᠤᠣᠯ ᠤᠨ ᠰᠤᠶᠤᠯ ᠢ ᠰᠢᠰᠲ᠋ᠧᠮ ᠲᠠᠢ ᠬᠠᠮᠠᠭᠠᠯᠠᠬᠤ | ᠢᠨᠵᠧᠨᠧᠷᠢᠩ ᠢ ᠬᠡᠷᠡᠭᠵᠢᠬᠦᠯᠦᠨ᠂ ᠬᠠᠲᠤᠨ ᠭᠤᠣᠯ ᠤᠨ ᠨᠤᠭᠤ ᠭᠠᠵᠠᠷ᠂ ᠵᠡᠭᠦᠨᠭᠠᠷ ᠶᠡᠭᠡ ᠬᠠᠪᠴᠢᠯ᠂ ᠤᠷᠳᠤ ᠴᠠᠭᠠᠨ ᠬᠡᠷᠡᠮ ᠤᠨ ᠪᠠᠭᠤᠷᠢ ᠵᠢᠴᠢ ᠲᠡᠤᠬᠡ ᠰᠤᠶᠤᠯ᠂ | ᠦᠨᠳᠦᠰᠦᠲᠡᠨ ᠤ ᠰᠤᠶᠤᠯ᠂ ᠬᠤᠪᠢᠰᠬᠠᠯᠳᠤ ᠰᠤᠶᠤᠯ ᠤᠨ ᠡᠬᠢ ᠪᠠᠶᠠᠯᠢᠭ ᠲᠤ ᠲᠦᠰᠢᠭᠯᠡᠵᠦ᠂ ᠬᠠᠲᠤᠨ ᠭᠤᠣᠯ ᠤᠨ ᠲᠤᠬᠤᠢ ᠳᠠᠬᠢ ᠵᠢᠭᠤᠯᠴᠢᠯᠠᠯ ᠤᠨ ᠵᠠᠮ ᠱᠤᠭᠤᠮ ᠢ | ᠪᠦᠲᠦᠭᠡᠨ ᠪᠠᠶᠢᠭᠤᠯᠵᠤ᠂ ᠲᠡᠯᠡᠬᠡᠢ ᠨᠡᠶᠢᠳᠡ ᠳᠤ ᠨᠦᠯᠦᠭᠡᠯᠡᠬᠦ ᠬᠦᠴᠦᠨ ᠲᠠᠢ ᠬᠠᠲᠤᠨ ᠭᠤᠣᠯ ᠤᠨ ᠰᠤᠶᠤᠯ ᠵᠢᠭᠤᠯᠴᠢᠯᠠᠯ ᠤᠨ ᠪᠦᠰᠡ ᠶᠢ ᠴᠣᠭᠴᠠᠯᠠᠨ | ᠪᠠᠶᠢᠭᠤᠯᠤᠨ᠎ᠠ᠃ | ᠪᠦᠲᠦᠮᠵᠢᠲᠡᠢ ᠪᠡᠯᠡ ᠤᠷᠤᠭᠤᠯᠤᠯᠲᠠ ᠶᠢ ᠦᠨᠡᠨ ᠬᠦ ᠨᠡᠮᠡᠭᠳᠡᠭᠦᠯᠵᠦ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠡᠨᠧᠷᠬᠢ᠂ ᠲᠣᠣᠷ ᠰᠦᠯᠵᠢᠶ᠎ᠡ ᠵᠡᠷᠭᠡ | ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠴᠢᠬᠤᠯᠠ ᠶᠡᠭᠡ ᠢᠨᠵᠧᠨᠧᠷᠢᠩ ᠢ | ᠬᠡᠷᠡᠭᠵᠢᠭᠦᠯᠵᠦ᠂ ᠬᠤᠲᠠ ᠶᠢᠨ ᠶᠠᠪᠤᠳᠠᠯ ᠤᠨ ᠬᠤᠭᠤᠯᠠᠢ ᠭᠤᠤᠷᠰᠤ ᠶᠢᠨ ᠲᠤᠤᠷ᠂ ᠲᠡᠷᠭᠡᠨ ᠵᠣᠭᠰᠤᠭᠠᠯ᠂ ᠬᠦᠢᠲᠡᠨ ᠬᠡᠯᠬᠢᠶᠡᠳᠦ ᠪᠠᠷᠠᠭᠠᠨ ᠤ ᠭᠦᠢᠯᠭᠡᠭᠡ᠂ ᠬᠤᠲᠠ | ᠬᠥᠳᠡᠭᠡ ᠶᠢᠨ ᠪᠣᠬᠢᠷ ᠤᠰᠤ ᠬᠤᠭ ᠨᠤᠪᠰᠢ ᠶᠢ ᠰᠢᠢᠳᠪᠦᠷᠢᠯᠡᠬᠦ ᠵᠡᠷᠭᠡ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠵᠠᠮ ᠬᠠᠷᠢᠯᠴᠠᠭᠠᠨ ᠤ | ᠬᠦᠴᠦᠷᠬᠡᠭ ᠤᠯᠤᠰ ᠤᠨ ᠬᠤᠶᠠᠳᠤᠭᠠᠷ ᠪᠦᠯᠦᠭ ᠪᠣᠯᠬᠤ ᠲᠤᠷᠰᠢᠯᠲᠠ ᠶᠢᠨ ᠲᠦᠷᠦᠯ ᠵᠦᠢᠯ ᠢ ᠬᠡᠷᠡᠭᠵᠢᠭᠦᠯᠦᠨ᠎ᠡ᠃ ᠪᠦᠲᠦᠭᠡᠨ ᠪᠠᠶᠢᠭᠤᠯᠵᠤ ᠪᠠᠶᠢᠭ᠎ᠠ ᠳᠡᠭᠡᠳᠦ | ᠬᠤᠷᠳᠦ ᠶᠢᠨ ᠲᠡᠮᠦᠷ ᠵᠠᠮ᠂ ᠵᠠᠰᠠᠮᠠᠯ ᠵᠠᠮ᠂ ᠨᠢᠰᠭᠡᠯ ᠤᠨ ᠪᠠᠭᠤᠳᠠᠯ ᠵᠡᠷᠭᠡ ᠲᠦᠷᠦᠯ ᠵᠦᠢᠯ ᠤᠨ ᠠᠵᠢᠯ ᠢ ᠠᠬᠢᠭᠤᠯᠤᠨ᠂ ᠣᠷᠳᠤᠰ ᠠᠴᠠ ᠲᠡᠮᠡᠬᠡᠳᠦ ᠬᠦᠷᠬᠦ ᠳᠡᠭᠡᠳᠦ | ᠬᠤᠷᠲᠦ ᠶᠢᠨ ᠲᠡᠮᠦᠷ ᠵᠠᠮ᠂ ᠲᠦᠩᠯᠢᠶᠣᠣ ᠠᠴᠠ ᠴᠢᠴᠢᠬᠠᠷ ᠬᠦᠷᠬᠦ ᠳᠡᠭᠡᠳᠦ ᠬᠤᠷᠳᠦ ᠶᠢᠨ ᠲᠡᠮᠦᠷ ᠵᠠᠮ᠂ ᠴᠢᠴᠢᠬᠠᠷ ᠠᠴᠠ ᠬᠠᠶᠢᠯᠠᠷ ᠪᠠ ᠮᠠᠨᠵᠤᠤᠷ ᠬᠦᠷᠬᠦ ᠳᠡᠭᠡᠳᠦ | ᠬᠤᠷᠳᠦ ᠶᠢᠨ ᠲᠡᠮᠦᠷ ᠵᠠᠮ᠂ ᠰᠢᠯᠢ ᠶᠢᠨ ᠬᠤᠲᠠ ᠠᠴᠠ ᠲᠠᠶᠢᠽᠢ ᠬᠤᠲᠠ ᠬᠦᠷᠬᠦ ᠲᠦᠷᠬᠡᠨ ᠬᠤᠷᠳᠤ ᠶᠢᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠵᠢᠴᠢ ᠡᠮᠦᠨᠡᠬᠢ | ᠬᠤᠭᠤᠴᠠᠭᠠᠨ ᠤ ᠠᠵᠢᠯ ᠢ ᠰᠠᠶᠢᠳᠤᠷ ᠠᠳᠬᠤᠵᠦ᠂ ᠵᠢᠨᠢᠩ ᠠᠴᠠ ᠲᠦᠩᠯᠢᠶᠣᠣ ᠬᠦᠷᠬᠦ ᠲᠡᠮᠦᠷ ᠵᠠᠮ ᠢ ᠴᠠᠬᠢᠯᠭᠠᠨᠵᠢᠭᠤᠯᠬᠤ ᠦᠭᠡᠷᠡᠴᠢᠯᠡᠯᠲᠡ᠂ ᠤᠯᠠᠭᠠᠨᠬᠤᠳᠠ ᠠᠴᠠ | ᠷᠠᠰᠢᠶᠠᠨ ᠭᠦᠷᠬᠦ ᠲᠡᠮᠦᠷ ᠵᠠᠮ ᠤᠨ ᠦᠬᠡᠷᠡᠴᠢᠯᠡᠯᠳᠡ ᠶᠢ ᠠᠬᠢᠭᠤᠯᠤᠨ᠎ᠠ᠃ ᠨᠢᠭᠡ ᠪᠦᠯᠦᠭ ᠨᠡᠶᠢᠳᠡᠮ ᠬᠡᠷᠡᠭᠯᠡᠬᠦ ᠨᠢᠰᠭᠡᠯ ᠤᠨ ᠪᠠᠭᠤᠳᠠᠯ ᠢ ᠲᠦᠪᠯᠡᠷᠡᠭᠦᠯᠦᠨ ᠪᠦᠲᠦᠭᠡᠨ | ᠪᠠᠶᠢᠭᠤᠯᠵᠤ᠂ ᠨᠡᠶᠢᠳᠡᠮ ᠬᠡᠷᠡᠭᠯᠡᠬᠦ ᠠᠭᠠᠷ ᠠᠶᠠᠯᠠᠯ ᠤᠨ ᠦᠢᠯᠡᠰ ᠤᠨ ᠬᠦᠭᠵᠢᠯᠳᠡ ᠶᠢ ᠠᠬᠢᠭᠤᠯᠤᠨ᠎ᠠ᠃ ᠲᠠᠭ᠎ᠠ ᠶᠢᠨ ᠨᠠᠭᠤᠷ ᠤᠨ ᠠᠮᠢ ᠠᠬᠤᠢ ᠳᠤ ᠪᠠᠴᠢᠮ ᠪᠠᠶᠢᠳᠠᠯ ᠢ | ᠠᠷᠭᠠᠴᠠᠭᠠᠵᠦ ᠤᠰᠤ ᠨᠦᠭᠦᠪᠦᠷᠢᠯᠡᠬᠦ ᠵᠡᠷᠬᠡ ᠤᠰᠤᠨ ᠠᠰᠢᠭᠯᠠᠯᠲᠠ ᠶᠢᠨ ᠢᠨᠵᠧᠨᠧᠷᠢᠩ ᠢ ᠠᠬᠢᠭᠤᠯᠤᠨ᠎ᠠ᠃ ᠡᠨᠧᠷᠬᠢ ᠬᠠᠳᠠᠭᠠᠯᠠᠬᠤ ᠪᠡᠯᠡᠳᠬᠡᠮᠵᠢ᠂ ᠰᠢᠨ᠎ᠠ ᠡᠨᠧᠷᠬᠢ ᠶᠢᠨ | ᠰᠠᠭᠤᠷᠢᠨ ᠭᠠᠵᠠᠷ ᠪᠠ ᠡᠨᠧᠷᠬᠢ ᠵᠦᠬᠡᠬᠡᠪᠦᠷᠢᠯᠡᠬᠦ ᠨᠡᠪᠳᠡᠷᠡᠯ ᠵᠠᠮ ᠤᠨ ᠪᠦᠳᠦᠬᠡᠨ ᠪᠠᠶᠢᠭᠤᠯᠤᠯᠳᠠ ᠶᠢ ᠲᠦᠷᠬᠡᠳᠬᠡᠨ᠎ᠠ᠃ ᠲᠦᠷᠦᠯ ᠵᠦᠢᠯ ᠢ ᠨᠦᠬᠡᠴᠡᠯᠡᠬᠦ ᠪᠠ ᠲᠦᠷᠦᠯ | ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠴᠢᠩᠭᠠᠳᠬᠠᠵᠦ᠂ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠳᠦ ᠶᠢ ᠲᠤᠬᠢᠳᠠᠢ ᠬᠡᠷᠡᠭᠯᠡᠨ᠎ᠠ᠃ | ︵ᠲᠠᠪᠤ︶ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠶᠢᠷᠡᠨ ᠬᠡᠷᠡᠭᠵᠢᠭᠦᠯᠦᠨ᠎ᠡ | ᠮᠠᠨ ᠤ ᠤᠷᠤᠨ ᠭᠠᠵᠠᠷ ᠰᠢᠷᠤᠢ ᠶᠢᠨ ᠡᠬᠢ ᠪᠠᠶᠠᠯᠢᠭ ᠢᠶᠠᠷ ᠡᠯᠪᠡᠭ ᠲᠡᠯᠪᠡᠭ᠂ ᠭᠦᠬᠡᠮᠳᠦᠭ ᠤᠰᠤ ᠴᠡᠪᠡᠷ ᠬᠦᠷᠦᠰᠦ ᠲᠠᠢ ᠪᠠᠶᠢᠳᠠᠭ᠂ ᠡᠨᠡ ᠨᠢ | ᠦᠢᠯᠡᠳᠪᠦᠷᠢᠯᠡᠯ ᠤᠨ ᠬᠦᠴᠦᠨ ᠪᠣᠯᠬᠤ ᠪᠦᠭᠡᠳ ᠮᠦᠨ ᠴᠦ ᠦᠷᠢᠰᠦᠯᠳᠦᠬᠦ ᠬᠦᠴᠦᠨ ᠪᠤᠯᠤᠨ᠎ᠠ᠃ ᠪᠢᠳᠡ ᠡᠨᠡ ᠬᠦ ᠳᠠᠪᠠᠭᠤᠯᠢᠭ ᠢᠶᠠᠨ ᠡᠷᠬᠡᠪᠰᠢ ᠰᠠᠶᠢᠲᠤᠷ ᠬᠠᠮᠠᠭᠠᠯᠠᠨ | ᠠᠰᠢᠭᠯᠠᠵᠤ᠂ ᠮᠠᠯ ᠲᠠᠷᠢᠶᠠᠯᠠᠩ ᠢ ᠪᠣᠬᠢᠷᠳᠤᠭᠤᠯᠬᠤ ᠦᠭᠡᠢ ᠪᠠᠷ ᠬᠦᠭᠵᠢᠭᠦᠯᠬᠦ ᠶᠢ ᠪᠠᠷᠢᠮᠲᠠᠯᠠᠨ᠂ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢ ᠢᠳᠡᠪᠬᠢᠲᠡᠢ | ᠬᠦᠭᠵᠢᠭᠦᠯᠵᠦ᠂ ᠴᠢᠨᠠᠷ ᠰᠠᠶᠢᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢ | ᠠᠵᠤ ᠦᠢᠯᠡᠰ ᠤᠨ ᠲᠠᠪᠠᠭᠤᠯᠢᠭ ᠭᠠᠵᠠᠷ ᠤᠷᠤᠨ ᠳᠡᠶᠢᠰᠢ ᠲᠦᠪᠯᠡᠷᠡᠬᠦ ᠶᠢ ᠠᠬᠢᠭᠤᠯᠤᠨ᠂ ᠡᠷᠳᠡᠨᠢ ᠰᠢᠰᠢ᠂ ᠲᠦᠮᠦᠰᠦ᠂ ᠰᠠᠭᠠᠯᠢ ᠶᠢᠨ ᠦᠨᠢᠶ᠎ᠡ᠂ ᠠᠯᠠᠰᠢᠨ ᠦᠬᠡᠷ᠂ | ᠠᠯᠠᠰᠢᠨ ᠬᠤᠨᠢ᠂ ᠨᠣᠣᠰᠣ ᠨᠣᠣᠯᠤᠭᠤᠷ ᠵᠡᠷᠭᠡ ᠲᠠᠪᠠᠭᠤᠯᠢᠭ ᠪᠤᠯᠬᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠠᠵᠤ ᠦᠢᠯᠡᠰ ᠤᠨ ᠪᠦᠰᠡ ᠪᠠ | ᠠᠵᠤ ᠦᠢᠯᠡᠰ ᠤᠨ ᠪᠦᠯᠦᠭᠵᠢᠯ ᠢ ᠪᠦᠲᠦᠭᠡᠨ ᠪᠠᠶᠢᠭᠤᠯᠵᠦ᠂ ᠪᠠᠷᠢᠮᠵᠢᠶᠠᠵᠢᠭᠤᠯᠤᠭᠰᠠᠨ᠂ ᠬᠡᠪᠴᠢᠶᠡᠵᠢᠭᠦᠯᠦᠭᠰᠡᠨ ᠡᠵᠡᠩᠨᠡᠯᠲᠡ ᠶᠢ ᠬᠡᠷᠡᠭᠵᠢᠬᠦᠯᠦᠨ᠎ᠠ᠃ ᠤᠷᠤᠨ | ᠪᠦᠰᠡ ᠶᠢᠨ ᠤᠯᠠᠨ ᠨᠡᠶᠢᠳᠡ ᠶᠢᠨ ᠨᠡᠷᠡᠲᠦ ᠲᠡᠮᠳᠡᠭ ᠤᠨ ᠪᠦᠲᠦᠭᠡᠨ ᠪᠠᠶᠢᠭᠤᠯᠤᠯᠳᠠ ᠶᠢ ᠳᠡᠮᠵᠢᠵᠤ᠂ ᠨᠡᠩ ᠣᠯᠠᠨ ᠴᠢᠨᠠᠷ ᠰᠠᠶᠢᠲᠠᠢ ᠨᠡᠷᠡᠲᠦ ᠲᠡᠮᠳᠡᠭ ᠢ ᠪᠦᠬᠦ | ᠤᠯᠤᠰ ᠲᠤ ᠲᠡᠷᠡᠴᠢᠯᠡᠨ ᠳᠡᠯᠡᠭᠡᠢ ᠳᠤ ᠠᠯᠳᠠᠷᠰᠢᠭᠤᠯᠤᠨ᠎ᠠ᠃ ᠲᠦᠩᠯᠢᠶᠤᠤ᠂ ᠤᠯᠠᠭᠠᠨᠬᠠᠳᠠ᠂ ᠪᠤᠷᠤᠳᠤᠬᠤᠢ ᠶᠢᠨ ᠤᠰᠤᠯᠠᠯᠳᠠ ᠶᠢᠨ ᠤᠷᠤᠨ ᠵᠡᠷᠬᠡ ᠭᠠᠵᠠᠷ ᠤᠷᠤᠨ ᠤ | ᠦᠨᠳᠦᠷ ᠪᠦᠲᠦᠮᠵᠢᠲᠦ ᠤᠰᠤ ᠠᠷᠪᠢᠯᠠᠬᠤ ᠤᠰᠤᠯᠠᠯᠲᠠ ᠶᠢ ᠠᠬᠢᠭᠤᠯᠵᠦ᠂ ᠦᠨᠳᠦᠷ ᠪᠠᠷᠢᠮᠵᠢᠶᠠᠲᠦ ᠲᠠᠷᠢᠶᠠᠨ ᠭᠠᠵᠠᠷ ᠤᠨ ᠪᠦᠳᠦᠬᠡᠨ ᠪᠠᠶᠢᠭᠤᠯᠤᠯᠳᠠ ᠶᠢᠨ ᠲᠠᠯᠠᠪᠠᠢ ᠶᠢ | ᠦᠷᠬᠡᠳᠬᠡᠨ᠂ ᠭᠠᠵᠠᠷ ᠳᠤᠤᠷᠠᠬᠢ ᠤᠰᠤ ᠶᠢ ᠬᠡᠲᠦᠷᠡᠲᠡᠯ᠎ᠡ ᠲᠠᠲᠠᠬᠤ ᠪᠠ ᠤᠰᠤᠨ ᠤ ᠡᠬᠢ ᠰᠤᠷᠪᠤᠯᠵᠢ ᠶᠢ ᠪᠦᠷᠢᠯᠭᠡᠬᠦ ᠠᠰᠠᠭᠤᠳᠠᠯ ᠢ ᠰᠢᠢᠳᠪᠦᠷᠢᠯᠡᠨ᠎ᠡ᠃ | ᠬᠠᠭᠠᠯᠪᠤᠷᠢᠯᠠᠵᠤ ᠲᠠᠷᠢᠶᠠᠯᠠᠬᠤ ᠭᠠᠵᠠᠷ ᠢ ᠰᠡᠯᠭᠦᠵᠦ ᠲᠠᠷᠢᠶᠠᠯᠠᠬᠤ ᠪᠠ ᠬᠤᠵᠢᠷᠰᠢᠨᠨᠰᠠᠨ ᠬᠠᠭᠠᠯᠪᠤᠷᠢᠯᠠᠵᠤ ᠲᠠᠷᠢᠶᠠᠯᠠᠬᠤ ᠭᠠᠵᠠᠷ ᠤᠨ ᠰᠠᠶᠢᠵᠢᠷᠠᠭᠤᠯᠬᠤ ᠠᠵᠢᠯ ᠢ ᠰᠠᠶᠢᠲᠤᠷ | ᠠᠳᠬᠤᠵᠤ᠂ ᠬᠠᠭᠠᠯᠪᠤᠷᠢᠯᠠᠵᠤ ᠲᠠᠷᠢᠶᠠᠯᠠᠬᠤ ᠭᠠᠵᠠᠷ ᠤᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠦᠨ᠎ᠡ᠃ | ᠡᠯ᠎ᠡ ᠲᠦᠷᠦᠯ ᠤᠨ ᠳᠡᠳᠭᠦᠭᠦ ᠲᠥᠷᠥ ᠶᠢᠨ ᠪᠣᠳᠤᠯᠭ᠎ᠠ ᠶᠢ ᠲᠡᠭᠦᠯᠳᠡᠷᠵᠢᠬᠦᠯᠦᠨ ᠨᠠᠶᠢᠳᠠᠪᠤᠷᠢᠵᠢᠭᠤᠯᠵᠤ᠂ ᠰᠦ᠋ ᠰᠠᠭᠠᠯᠢ ᠶᠢᠨ ᠦᠢᠯᠡᠰ ᠤᠨ ᠦᠷᠨᠢᠬᠦᠨ | ᠬᠦᠭᠵᠢᠯᠳᠡ ᠶᠢ ᠲᠦᠷᠭᠡᠳᠭᠡᠨ᠂ ᠴᠢᠨᠠᠷ ᠰᠠᠶᠢᠲᠠᠢ ᠰᠦᠨ ᠤ ᠢᠷᠡᠯᠲᠡ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠬᠥᠲᠦᠴᠢ ᠠᠵᠤ ᠠᠬᠤᠶᠢᠯᠠᠯ ᠤᠨ | ᠬᠦᠲᠦᠯᠦᠨ ᠳᠠᠶᠢᠴᠢᠯᠠᠬᠤ ᠦᠢᠯᠡᠳᠦᠯ ᠢ ᠪᠠᠳᠠᠷᠠᠭᠤᠯᠣᠨ᠂ ᠰᠦ᠋ ᠴᠠᠭᠠᠨ ᠢᠳᠡᠭᠡᠨ ᠤ ᠭᠤᠣᠯᠯᠠᠬᠤ ᠦᠷᠢᠰᠦᠯᠳᠦᠬᠦ ᠬᠦᠴᠦᠨ ᠢ ᠳᠡᠭᠡᠭᠰᠢᠯᠡᠭᠦᠯᠤᠨ᠎ᠡ᠃ ᠵᠠᠬ᠎ᠠ ᠳᠡᠯᠭᠡᠭᠦᠷ ᠲᠤ | ᠵᠥᠪᠰᠢᠶᠡᠷᠡᠨ ᠣᠷᠤᠭᠤᠯᠬᠤ᠂ ᠪᠠᠶᠢᠴᠠᠭᠠᠨ ᠰᠢᠨᠵᠢᠬᠦ ᠪᠠ ᠪᠠᠶᠢᠴᠠᠭᠠᠨ ᠰᠢᠯᠭᠠᠬᠤ᠂ ᠪᠠᠷᠢᠮᠵᠢᠶᠠᠵᠢᠭᠤᠯᠤᠨ ᠪᠠᠶᠢᠭᠤᠯᠬᠤ ᠵᠡᠷᠭᠡ ᠳᠡᠳᠬᠦᠬᠦ ᠲᠥᠷᠥ ᠶᠢᠨ ᠪᠣᠳᠤᠯᠭ᠎ᠠ ᠶᠢ | ᠳᠡᠭᠦᠯᠳᠡᠷᠵᠢᠭᠦᠯᠵᠦ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠡᠷᠡᠭᠦᠯ ᠢᠶᠠᠷ ᠭᠦᠭᠵᠢᠬᠦ ᠶᠢ ᠠᠬᠢᠭᠤᠯᠤᠨ᠎ᠠ᠃ ᠠᠮᠤ ᠪᠤᠳᠠᠭ᠎ᠠ ᠶᠢ | ᠲᠡᠵᠢᠭᠡᠯ ᠪᠤᠷᠳᠤᠭ᠎ᠠ ᠪᠤᠯᠭᠠᠨ ᠬᠤᠪᠢᠷᠠᠭᠤᠯᠬᠤ ᠶᠢ ᠦᠷᠭᠦᠯᠵᠢᠯᠡᠨ ᠬᠡᠷᠡᠭᠵᠢᠭᠦᠯᠵᠦ᠂ ᠴᠢᠨᠠᠷ ᠰᠠᠶᠢᠲᠠᠢ ᠪᠡᠯᠴᠢᠭᠡᠷ ᠡᠪᠡᠰᠦ ᠲᠠᠷᠢᠬᠤ ᠶᠢ ᠦᠷᠭᠡᠳᠭᠡᠨ᠂ ᠮᠠᠯ ᠪᠡᠯᠴᠢᠭᠡᠷ | ᠠᠷᠠᠴᠢᠯᠠᠬᠤ ᠶᠢ ᠨᠢᠭᠡ ᠴᠤᠨᠨᠴᠠᠵᠢᠭᠤᠯᠤᠨ ᠭᠦᠭᠵᠢᠬᠦᠯᠬᠦ ᠶᠢ ᠲᠦᠷᠭᠡᠳᠭᠡᠨ᠎ᠡ᠃ | ᠤᠳᠤ ᠦᠶ᠎ᠡ ᠶᠢᠨ ᠦᠷ᠎ᠡ ᠡᠭᠦᠯᠳᠡᠷ ᠤᠨ ᠦᠢᠯᠡᠰ ᠤᠨ ᠢᠨᠵᠧᠨᠧᠷᠢᠩ ᠢ ᠬᠡᠷᠡᠭᠵᠢᠭᠦᠯᠵᠦ᠂ ᠰᠠᠭᠠᠯᠢ ᠶᠢᠨ ᠦᠨᠢᠶ᠎ᠡ᠂ ᠠᠯᠠᠰᠢᠨ ᠦᠬᠡᠷ᠂ ᠠᠯᠠᠰᠢᠨ ᠬᠤᠨᠢ | ᠲᠡᠵᠢᠭᠡᠬᠦ ᠦᠷᠡᠵᠢᠭᠦᠯᠬᠦ ᠳᠡᠯᠭᠡᠷᠡᠭᠦᠯᠬᠦ ᠶᠢᠨ ᠵᠢᠱᠢᠶ᠎ᠡ ᠦᠵᠡᠭᠦᠯᠬᠦ ᠲᠦᠷᠦᠯ ᠵᠦᠢᠯ ᠢ ᠠᠬᠢᠭᠤᠯᠤᠨ᠂ ᠡᠷᠳᠡᠨᠢ ᠰᠢᠰᠢ᠂ ᠲᠦᠮᠦᠰᠦ ᠵᠡᠷᠭᠡ ᠲᠠᠪᠠᠭᠤᠯᠢᠭ ᠲᠠᠷᠢᠮᠠᠯ ᠤᠨ | ᠵᠦᠢᠯ ᠤᠨ ᠰᠠᠶᠢᠨ ᠦᠷ᠎ᠡ ᠶᠢ ᠲᠠᠷᠢᠵᠦ ᠤᠷᠭᠤᠭᠤᠯᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ | ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠴᠠᠭᠠᠨ ᠨᠤᠤᠯᠤᠭᠤᠷᠲᠦ ᠢᠮᠠᠭ᠎ᠠ᠂ ᠬᠤᠣᠰ ᠪᠥᠬᠦᠲᠦ ᠲᠡᠮᠡᠭᠡ ᠵᠡᠷᠭᠡ ᠳᠤ ᠤᠯᠤᠰ ᠠᠴᠠ ᠲᠠᠭᠠᠭᠠᠯᠭᠠᠨᠨᠰᠠᠨ ᠡᠭᠦᠯᠳᠡᠷ | ᠤᠳᠤᠮ ᠬᠠᠮᠠᠭᠠᠯᠠᠬᠤ ᠡᠭᠦᠷᠭᠡ ᠶᠢ ᠨᠠᠶᠢᠳᠠᠪᠤᠷᠢᠵᠢᠭᠤᠯᠵᠤ᠂ ᠮᠣᠩᠭᠤᠯ ᠠᠳᠤᠭᠤ ᠶᠢ ᠬᠠᠮᠠᠭᠠᠯᠠᠬᠤ ᠠᠵᠢᠯ ᠢ ᠰᠠᠶᠢᠲᠤᠷ ᠬᠢᠨ᠎ᠡ᠃ ᠤᠳᠤ ᠦᠶ᠎ᠡ ᠶᠢᠨ ᠡᠪᠡᠰᠦᠨ ᠤ | ᠦᠷ᠎ᠡ ᠶᠢᠨ ᠦᠢᠯᠡᠰ ᠢ ᠶᠡᠭᠡ ᠪᠠᠷ ᠬᠦᠭᠵᠢᠭᠦᠯᠵᠦ᠂ ᠥᠪᠥᠷ ᠮᠤᠩᠭᠤᠯ ᠢ ᠳᠤᠮᠳᠠᠳᠤ ᠤᠯᠤᠰ ᠤᠨ ᠡᠪᠡᠰᠦᠨ ᠤ ᠦᠷ᠎ᠡ ᠶᠢᠨ ᠡᠬᠢ ᠪᠠᠶᠠᠯᠢᠭ ᠤᠨ ᠬᠦᠮᠦᠷᠭᠡ ᠪᠣᠯᠭᠠᠨ | ᠪᠦᠲᠦᠭᠡᠨ ᠪᠠᠶᠢᠭᠤᠯᠤᠨ᠎ᠠ᠃ | ᠮᠠᠯᠵᠢᠬᠤ ᠲᠠᠷᠢᠶᠠᠯᠠᠬᠤ ᠤᠷᠤᠨ ᠤ ᠣᠷᠴᠢᠨ ᠨᠦᠬᠦᠴᠡᠯ ᠢ ᠬᠦᠴᠦᠯᠡᠨ ᠰᠠᠶᠢᠵᠢᠷᠠᠭᠤᠯᠤᠨ᠎ᠠ᠃ ᠪᠤᠲᠠᠲᠠᠢ ᠠᠴᠠ ᠡᠭᠦᠰᠬᠦ ᠶᠢ ᠪᠠᠷᠢᠮᠲᠠᠯᠠᠨ᠂ ᠴᠢᠳᠠᠯ ᠤᠨ ᠢᠶᠠᠨ | ᠬᠢᠷᠢ ᠪᠠᠷ ᠬᠢᠵᠦ᠂ ᠭᠠᠵᠠᠷ ᠤᠷᠤᠨ ᠤ ᠪᠠᠶᠢᠳᠠᠯ ᠳᠤ ᠪᠠᠨ ᠲᠣᠬᠢᠷᠠᠭᠤᠯᠵᠤ ᠪᠠᠶᠢᠭᠠᠳ ︽ᠵᠣᠷᠯᠤᠩ ᠤᠨ ᠬᠤᠪᠢᠰᠤᠯᠲᠠ︾ ᠶᠢ ᠠᠬᠢᠭᠤᠯᠤᠨ᠎ᠠ᠃ ᠠᠶᠢᠯ ᠲᠤᠰᠬᠤᠨ ᠤ | ᠲᠦᠷᠰᠦ ᠪᠠᠶᠢᠳᠠᠯ ᠢ ᠴᠡᠭᠴᠡᠯᠡᠨ ᠵᠠᠰᠠᠬᠤ ᠠᠵᠢᠯ ᠢ ᠴᠢᠩᠭᠠᠳᠬᠠᠵᠦ᠂ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠰᠠᠭᠤᠷᠢᠰᠢᠬᠤ ᠤᠷᠴᠢᠨ ᠨᠦᠬᠦᠴᠡᠯ ᠢ ᠴᠡᠭᠴᠡᠯᠡᠨ | ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠬᠠᠷᠠᠯᠲᠠ ᠪᠠᠨ ᠪᠡᠶᠡᠯᠡᠭᠦᠯᠤᠨ᠎ᠠ᠃ ᠮᠠᠯᠵᠢᠬᠤ ᠲᠠᠷᠢᠶᠠᠯᠠᠬᠤ ᠤᠷᠤᠨ ᠤ ᠬᠠᠮᠲᠤ ᠶᠢᠨ ᠦᠮᠴᠢᠯᠡᠯ ᠤᠨ ᠡᠷᠬᠡ ᠶᠢᠨ ᠳᠥᠷᠢᠮ ᠤᠨ | ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠮᠲᠤ ᠶᠢᠨ ᠠᠵᠤ ᠠᠬᠤᠢ ᠶᠢ ᠪᠣᠵᠠᠭᠠᠶᠢᠷᠠᠭᠤᠯᠤᠨ᠎ᠠ᠃ ᠮᠠᠯᠴᠢᠨ ᠲᠠᠷᠢᠶᠠᠴᠢᠨ ᠤ ᠲᠤᠰᠬᠠᠢ ᠬᠤᠷᠰᠢᠶᠠᠵᠢᠯ ᠢ ᠭᠦᠳᠦᠯᠦᠨ | ᠵᠢᠯᠤᠭᠤᠳᠴᠤ ᠪᠠᠶᠢᠭᠠᠳ ᠡᠷᠡᠭᠦᠯ ᠢᠶᠠᠷ ᠭᠦᠭᠵᠢᠬᠦᠯᠵᠦ᠂ ᠮᠠᠯᠴᠢᠨ ᠲᠠᠷᠢᠶᠠᠴᠢᠨ ᠪᠠ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠤᠨᠨᠳᠠᠭᠤᠯᠬᠤ ᠲᠣᠭᠲᠠᠴᠠ ᠶᠢ | ᠪᠠᠶᠢᠭᠤᠯᠤᠨ ᠨᠢᠨᠨᠳᠠᠷᠠᠭᠤᠯᠤᠨ᠎ᠠ᠃ ᠮᠠᠯᠵᠢᠬᠤ ᠤᠷᠤᠨ ᠤ ᠤᠳᠤᠬᠢᠴᠢᠯᠠᠬᠤ ᠲᠤᠷᠰᠢᠯᠲᠠ ᠶᠢᠨ ᠴᠡᠭ ᠤᠨ ᠠᠵᠢᠯ ᠢ ᠰᠠᠶᠢᠲᠤᠷ ᠠᠳᠬᠤᠵᠤ᠂ ᠨᠢᠭᠡᠳᠦᠭᠡᠷ᠂ ᠬᠤᠶᠠᠳᠤᠭᠠᠷ᠂ | ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠦᠭᠵᠢᠬᠦ ᠶᠢ ᠲᠦᠷᠭᠡᠳᠭᠡᠨ᠎ᠠ᠃ | ︵ᠵᠢᠷᠭᠤᠭ᠎ᠠ︶ ᠪᠣᠬᠢᠷᠲᠤᠯ ᠥᠬᠡᠶ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ | ᠠᠭᠤᠯᠠ ᠤᠰᠤ ᠣᠢ ᠲᠠᠷᠢᠶ᠎ᠠ ᠨᠠᠭᠤᠷ ᠪᠡᠯᠴᠢᠭᠡᠷ ᠤᠨ ᠰᠢᠰᠲ᠋ᠧᠮ ᠲᠠᠢ ᠵᠠᠰᠠᠯᠲᠠ ᠶᠢ ᠨᠢᠭᠡᠳᠦᠯᠲᠡᠶ ᠲᠥᠯᠥᠪᠯᠡᠵᠦ᠂ ᠨᠤᠲᠤᠭ ᠪᠡᠯᠴᠢᠭᠡᠷ᠂ ᠣᠢ ᠰᠢᠭᠤᠶ ᠶᠢᠨ | ᠬᠠᠮᠠᠭᠠᠯᠠᠯᠲᠠ ᠶᠢ ᠲᠡᠷᠢᠭᠦᠨ ᠴᠢᠬᠤᠯᠠ ᠡᠭᠦᠷᠭᠡ ᠪᠣᠯᠭᠠᠵᠤ᠂ ᠶᠡᠭᠡ ᠬᠢᠩᠭᠠᠨ ᠳᠠᠪᠠᠭ᠎ᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠳᠤ ᠲᠠᠷᠢᠶᠠᠯᠠᠬᠤ ᠶᠢ ᠵᠣᠭᠰᠣᠭᠠᠵᠤ | ᠣᠶᠢᠵᠢᠭᠤᠯᠬᠤ ᠪᠠ ᠡᠪᠡᠰᠦ ᠪᠡᠯᠴᠢᠭᠡᠷ ᠨᠤᠭᠤ ᠭᠠᠵᠠᠷ ᠢ ᠰᠡᠷᠭᠦᠭᠡᠬᠦ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠵᠦ᠂ ᠲᠠᠴᠢᠷᠳᠠᠭᠰᠠᠨ ᠨᠤᠲᠤᠭ ᠪᠡᠯᠴᠢᠭᠡᠷ ᠤᠨ ᠠᠮᠢ | ᠠᠬᠤᠶ ᠶᠢ ᠦᠩᠵᠢᠭᠦᠯᠦᠨ ᠰᠡᠷᠭᠦᠭᠡᠬᠦ ᠤᠯᠤᠰ ᠤᠨ ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠤᠨ᠎ᠠ᠃ ᠳᠠᠯᠠᠨ ᠬᠠᠷ᠎ᠠ ᠶᠢᠨ ᠠᠮᠢ ᠠᠬᠤᠢ ᠶᠢᠨ ᠦᠡᠭᠵᠢᠭᠦᠯᠦᠨ | ᠰᠡᠷᠭᠦᠭᠡᠬᠦ ᠠᠵᠢᠯ ᠢ ᠠᠬᠢᠭᠤᠯᠤᠨ᠎ᠠ᠃ ᠤᠯᠤᠰ ᠤᠨ ᠠᠮᠢ ᠠᠬᠤᠢ ᠶᠢᠨ ᠪᠣᠯᠪᠠᠰᠤᠨ ᠤ ᠲᠤᠷᠰᠢᠯᠲᠠ ᠶᠢᠨ ᠣᠷᠣᠨ᠂ ᠬᠥᠯᠥᠨ ᠪᠤᠶᠢᠷ ᠤᠨ ᠤᠯᠤᠰ ᠤᠨ ᠴᠡᠴᠡᠷᠯᠢᠭ ᠢ | ᠭᠤᠶᠤᠴᠢᠯᠠᠨ ᠮᠡᠳᠡᠭᠦᠯᠬᠦ ᠠᠵᠢᠯ ᠢ ᠰᠠᠶᠢᠲᠤᠷ ᠬᠢᠨ᠎ᠡ᠃ ᠪᠠᠷᠭᠤ ᠵᠡᠭᠡᠷ᠎ᠡ ᠶᠢᠨ ᠪᠠᠶᠢᠭᠠᠯᠢ ᠶᠢᠨ ᠬᠠᠮᠠᠭᠠᠯᠠᠯᠳᠠ ᠶᠢᠨ ᠣᠷᠣᠨ ᠳᠠᠬᠢ ᠬᠠᠮᠢᠶᠠᠷᠤᠯᠲᠠ ᠪᠠᠨ ᠴᠢᠩᠭᠠᠳᠬᠠᠵᠤ᠂ | ᠵᠡᠭᠡᠷ᠎ᠡ ᠵᠡᠷᠭᠡ ᠬᠡᠭᠡᠷ᠎ᠡ ᠶᠢᠨ ᠠᠮᠢᠳᠠᠳ ᠤᠨ ᠨᠡᠭᠦᠳᠡᠯ ᠤᠨ ᠴᠤᠪᠤᠭ᠎ᠠ ᠶᠢ ᠨᠢ ᠰᠠᠭᠠᠳ ᠦᠭᠡᠢ ᠪᠣᠯᠭᠠᠨ᠎ᠠ᠃ ᠲᠠᠯ᠎ᠠ ᠨᠤᠲᠤᠭ ᠤᠨ ᠭᠤᠣᠯᠯᠠᠬᠤ ᠣᠷᠣᠨ ᠳᠤ ᠰᠠᠯᠬᠢᠨ | ᠬᠦᠴᠦᠨ ᠤ ᠴᠠᠬᠢᠯᠭᠠᠨ᠂ ᠭᠡᠷᠡᠯ ᠴᠡᠨᠡᠭ ᠪᠠ ᠠᠭᠤᠷᠬᠠᠢ ᠶᠢᠨ ᠲᠥᠷᠥᠯ ᠵᠦᠢᠯ ᠢ ᠰᠢᠨ᠎ᠡ ᠪᠠᠷ ᠪᠠᠶᠢᠭᠤᠯᠬᠤ ᠶᠢ ᠴᠢᠩᠭ᠎ᠠ ᠬᠢᠵᠠᠭᠠᠷᠯᠠᠵᠤ᠂ ᠴᠦᠯᠯᠡᠷᠬᠡᠭ ᠭᠠᠵᠠᠷ ᠣᠷᠣᠨ᠂ 365赢多少钱会被限额_国内有真正的365平台吗_365bet博彩官网 | ᠨᠡᠭᠦᠷᠡᠰᠦ ᠮᠠᠯᠲᠠᠭᠠᠳ ᠴᠥᠮᠥᠷᠡᠭᠰᠡᠨ ᠣᠷᠣᠨ᠂ ᠠᠭᠤᠷᠬᠠᠢ ᠶᠢᠨ ᠤᠷᠤᠨ ᠤ ᠢᠯᠭᠠᠳᠠᠰᠤ ᠶᠢᠨ ᠲᠠᠯᠠᠪᠠᠢ ᠨᠤᠭᠤᠳ ᠲᠤ ᠭᠡᠷᠡᠯ ᠴᠡᠨᠡᠭ ᠤᠨ ᠴᠠᠬᠢᠯᠭᠠᠨ ᠥᠷᠲᠡᠭᠡ ᠪᠠ | ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ ᠪᠦᠲᠦᠭᠡᠨ ᠪᠠᠶᠢᠭᠤᠯᠬᠤ ᠶᠢ ᠳᠠᠮᠵᠢᠨ᠎ᠠ᠃ ᠭᠠᠵᠠᠷ ᠰᠢᠷᠣᠶ ᠶᠢ ᠠᠷᠪᠢᠲᠠᠶ ᠪᠦᠬᠡᠳ ᠡᠷᠴᠢᠮᠯᠢᠭ ᠠᠰᠢᠭᠯᠠᠵᠤ᠂ | ᠴᠦᠯᠯᠡᠷᠬᠡᠭᠵᠢᠭᠰᠡᠨ ᠭᠠᠵᠠᠷ ᠰᠢᠷᠣᠶ ᠶᠢᠨ ᠵᠠᠰᠠᠯᠲᠠ ᠶᠢ ᠠᠬᠢᠭᠤᠯᠤᠨ᠎ᠠ᠃ | ᠪᠣᠬᠢᠷᠲᠤᠯ ᠦᠭᠡᠢ ᠪᠠᠷ ᠬᠥᠭᠵᠢᠭᠦᠯᠬᠦ ᠠᠷᠭ᠎ᠠ ᠬᠡᠯᠪᠡᠷᠢ ᠶᠢ ᠲᠦᠷᠬᠡᠬᠡᠨ ᠪᠤᠢ ᠪᠣᠯᠭᠠᠨ᠎ᠠ᠃ ᠭᠤᠤᠯᠳᠠᠯᠭ᠎ᠠ ᠲᠠᠢ ᠬᠦᠷᠢᠶ᠎ᠡ ᠴᠡᠷᠠᠭᠠᠨ ᠳᠠᠬᠢ ᠡᠨᠧᠷᠬᠢ ᠠᠷᠪᠢᠯᠠᠵᠦ | ᠪᠤᠬᠢᠷ ᠪᠤᠳᠠᠰ ᠭᠠᠳ᠋ᠬᠠᠰᠢᠯᠠᠭᠤᠯᠬᠤ ᠶᠢ ᠪᠠᠭᠠᠰᠬᠠᠬᠤ ᠪᠠ ᠡᠨᠧᠷᠬᠢ ᠶᠢᠨ ᠬᠤᠷᠣᠭᠳᠠᠯ ᠶᠡᠭᠡ ᠲᠠᠢ ᠲᠥᠷᠥᠯ ᠵᠦᠢᠯ ᠤᠨ ᠡᠨᠧᠷᠭᠢ ᠠᠷᠪᠢᠯᠠᠬᠤ ᠲᠠᠯ᠎ᠠ ᠳᠤ ᠬᠢᠨᠠᠨ | ᠪᠠᠶᠢᠴᠠᠭᠠᠬᠤ ᠪᠠᠨ ᠴᠢᠩᠭᠠᠳᠬᠠᠨ᠎ᠠ᠃ ᠳᠠᠬᠢᠯᠲᠠ ᠤᠰᠤᠨ ᠤ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠤᠰᠤᠨ ᠤ ᠡᠬᠢ ᠰᠤᠷᠪᠤᠯᠵᠢ ᠬᠤᠷᠤᠭᠳᠠᠵᠣ ᠪᠠᠶᠢᠭ᠎ᠠ | ᠶᠡᠷᠦᠩᠬᠡᠶ ᠬᠡᠮᠵᠢᠶ᠎ᠡ ᠪᠠ ᠬᠤᠷᠤᠭᠳᠠᠵᠤ ᠪᠠᠶᠢᠭ᠎ᠠ ᠪᠠᠶᠢᠳᠠᠯ ᠢ ᠴᠢᠩᠭ᠎ᠠ ᠡᠵᠡᠮᠰᠢᠨ᠎ᠡ᠃ ᠪᠠᠶᠢᠭᠠᠯᠢ ᠶᠢᠨ ᠬᠠᠮᠠᠭᠠᠯᠠᠯᠳᠠ ᠶᠢᠨ ᠣᠷᠣᠨ ᠳᠠᠬᠢ ᠠᠭᠤᠷᠬᠠᠢ ᠶᠢᠨ ᠡᠬᠢ ᠪᠠᠶᠠᠯᠢᠭ | ᠬᠡᠷᠡᠭᠯᠡᠬᠦ ᠡᠷᠬᠡ ᠶᠢ ᠪᠦᠬᠦ ᠲᠠᠯ᠎ᠠ ᠪᠠᠷ ᠵᠤᠭᠰᠤᠭᠠᠨ᠎ᠠ᠃ ᠠᠭᠤᠷᠬᠠᠢ ᠶᠢᠨ ᠭᠠᠵᠠᠷ ᠬᠦᠷᠦᠰᠦᠨ ᠤ ᠤᠷᠴᠢᠨ ᠲᠤᠭᠤᠷᠢᠨ ᠤ ᠵᠠᠰᠠᠯᠳᠠ ᠶᠢ ᠦᠷᠭᠦᠯᠵᠢᠯᠡᠨ ᠠᠬᠢᠭᠤᠯᠤᠨ᠎ᠠ᠃ | ᠠᠭᠤᠷᠬᠠᠢ ᠳᠤ ᠬᠡᠷᠡᠭᠯᠡᠬᠦ ᠲᠡᠷᠬᠡ ᠶᠢ ᠴᠠᠬᠢᠯᠭᠠᠨ ᠬᠦᠳᠡᠯᠭᠡᠭᠦᠷᠲᠦ ᠮᠠᠰᠢᠨ ᠪᠣᠯᠭᠠᠬᠤ ᠦᠭᠡᠷᠡᠴᠢᠯᠡᠯᠲᠡ ᠶᠢ ᠬᠡᠷᠡᠭᠵᠢᠭᠦᠯᠦᠨ᠎ᠡ᠃ ᠪᠣᠬᠢᠷᠲᠤᠯ ᠦᠭᠡᠢ ᠠᠭᠤᠷᠬᠠᠶ᠂ | ᠪᠣᠬᠢᠷᠲᠤᠯ ᠦᠭᠡᠢ ᠦᠢᠯᠡᠳᠪᠦᠷᠢ᠂ ᠪᠣᠬᠢᠷᠲᠤᠯ ᠦᠭᠡᠢ ᠪᠠᠷᠢᠯᠭ᠎ᠠ ᠶᠢ ᠪᠦᠲᠦᠭᠡᠨ ᠪᠠᠶᠢᠭᠤᠯᠤᠨ᠎ᠠ᠃ ᠪᠣᠬᠢᠷᠲᠤᠯ ᠦᠭᠡᠢ ᠪᠦᠬᠡᠳ ᠨᠡᠭᠦᠷᠡᠰᠦᠲᠥ᠋ᠷᠥᠭᠴᠢ ᠶᠢ ᠪᠠᠭ᠎ᠠ | ᠭᠠᠳᠠᠬᠰᠢᠯᠠᠭᠤᠯᠬᠤ ᠠᠮᠢᠳᠤᠷᠠᠯ ᠢ ᠰᠠᠨᠠᠭᠠᠴᠢᠯᠠᠵᠤ᠂ ᠬᠤᠭ ᠨᠣᠪᠰᠢ ᠶᠢ ᠲᠥᠷᠥᠯ ᠠᠩᠬᠢᠯᠠᠬᠤ ᠪᠠ ᠡᠬᠢ ᠪᠠᠶᠠᠯᠢᠬᠵᠢᠭᠤᠯᠤᠨ ᠠᠰᠢᠭᠯᠠᠬᠤ ᠶᠢ ᠠᠬᠢᠭᠤᠯᠤᠨ᠎ᠠ᠃ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠦᠷᠢᠮ ᠤᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ︽ᠭᠤᠷᠪᠡᠨ ᠣᠷᠣᠨ ᠵᠠᠢ ᠭᠤᠷᠪᠠᠡ ᠱᠤᠭᠤᠮ︾ | ᠢ ᠬᠤᠪᠢᠶᠠᠷᠢᠯᠠᠨ ᠲᠣᠭᠲᠠᠭᠠᠬᠤ ᠪᠠ ᠴᠢᠩᠭ᠎ᠠ ᠰᠠᠬᠢᠵᠣ᠂ ᠤᠯᠤᠰ ᠤᠨ ᠨᠤᠳᠤᠭ ᠲᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ | ᠬᠡᠷᠡᠭᠵᠢᠭᠦᠯᠦᠨ᠎ᠡ᠃ ᠠᠮᠢ ᠠᠬᠤᠢ ᠶᠢᠨ ᠤᠷᠴᠢᠨ ᠲᠤᠭᠤᠷᠢᠨ ᠤ ᠵᠦᠪᠰᠢᠶᠡᠷᠡᠨ ᠤᠷᠤᠭᠤᠯᠬᠤ ᠨᠠᠷᠢᠨ ᠳᠠᠩᠰᠠ ᠶᠢ ᠲᠤᠨᠨᠳᠠᠭᠠᠨ᠎ᠠ᠃ ᠠᠮᠢ ᠠᠬᠤᠢ ᠶᠢᠨ ᠨᠦᠭᠦᠪᠦᠷᠢᠯᠡᠬᠦ | ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠨᠧᠷᠭᠢ ᠬᠡᠷᠡᠭᠯᠡᠬᠦ ᠡᠷᠬᠡ᠂ ᠪᠤᠬᠢᠷᠳᠤᠯᠳᠤ ᠪᠤᠳᠠᠰ ᠭᠠᠳᠠᠭᠰᠢᠯᠠᠭᠤᠯᠬᠤ ᠡᠷᠬᠡ᠂ ᠣᠢ ᠰᠢᠭᠤᠶ ᠶᠢᠨ | ᠨᠡᠭᠦᠷᠡᠰᠦᠲᠥ᠋ᠷᠥᠭᠴᠢ ᠶᠢᠨ ᠬᠤᠷᠠᠮᠠᠯ ᠤᠨ ᠠᠷᠠᠯᠵᠢᠶ᠎ᠠ ᠵᠡᠷᠭᠡ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ᠠᠮᠢ ᠠᠬᠤᠢ ᠶᠢᠨ ᠰᠢᠰᠲ᠋ᠧᠮ ᠤᠨ ᠦᠢᠯᠡᠳᠪᠦᠷᠢᠯᠡᠯ ᠤᠨ | ᠶᠡᠷᠦᠩᠬᠡᠶ ᠥᠷᠲᠡᠭ ᠢ ᠦᠨᠡᠯᠡᠨ ᠵᠢᠱᠢᠬᠦ ᠰᠢᠰᠲ᠋ᠧᠮᠵᠢ ᠪᠠ ᠨᠡᠭᠦᠷᠡᠰᠦᠲᠥ᠋ᠷᠥᠭᠴᠢ ᠶᠢᠨ ᠬᠤᠷᠠᠮᠠᠯ ᠤᠨ ᠨᠦᠬᠡᠴᠡ ᠶᠢ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠤᠨ᠎ᠠ᠃ | ︵ᠳᠣᠯᠤᠭ᠎ᠠ︶ ᠣᠷᠣᠨ ᠪᠦᠰᠡ ᠶᠢᠨ ᠵᠣᠬᠢᠴᠠᠯᠳᠤᠨ ᠬᠥᠭᠵᠢᠬᠦ ᠶᠢ ᠠᠬᠢᠭᠤᠯᠤᠨ᠎ᠠ | ᠠᠮᠢ ᠠᠬᠤᠢ ᠶᠢ ᠤᠷᠢᠳ ᠢᠶᠠᠷ ᠪᠤᠳᠤᠯᠬᠢᠯᠠᠵᠦ᠂ ᠪᠤᠬᠢᠷᠳᠤᠯ ᠦᠬᠡᠢ ᠪᠠᠷ ᠭᠦᠭᠵᠢᠬᠦᠯᠬᠦ ᠶᠢ ᠪᠠᠷᠢᠮᠳᠠᠯᠠᠵᠦ᠂ ᠣᠷᠣᠨ ᠪᠦᠰᠡ ᠶᠢᠨ ᠴᠢᠨᠠᠷ ᠰᠠᠶᠢᠲᠠᠶ ᠬᠥᠭᠵᠢᠯᠲᠡ ᠶᠢ | ᠦᠨᠡᠯᠡᠬᠦ ᠭᠦᠢᠴᠡᠳᠬᠡᠯ ᠲᠣᠭᠠᠨ ᠤ ᠰᠢᠰᠲ᠋ᠧᠮᠵᠢ ᠶᠢ ᠲᠤᠨᠨᠳᠠᠭᠠᠨ᠂ ᠰᠢᠯᠭᠠᠨ ᠬᠢᠨᠠᠬᠤ᠂ ᠱᠠᠩᠨᠠᠨ ᠨᠥᠬᠦᠪᠥᠷᠢᠯᠡᠭᠦ᠂ ᠡᠳ᠋ ᠤᠨ ᠵᠠᠰᠠᠭ ᠤᠨ ᠰᠢᠯᠵᠢᠭᠦᠯᠦᠨ ᠣᠯᠭᠤᠬᠤ ᠳᠤ | ᠵᠦᠷᠢᠶ᠎ᠡ ᠲᠠᠢ ᠲᠣᠭᠲᠠᠴᠠ ᠶᠢ ᠪᠠᠶᠢᠭᠤᠯᠵᠤ᠂ ᠬᠠᠷᠢᠴᠠᠩᠭᠤᠢ ᠳᠠᠪᠠᠭᠤᠯᠢᠭ ᠢᠶᠠᠨ ᠪᠠᠳᠠᠷᠠᠭᠤᠯᠣᠨ᠂ ᠥᠪᠡᠷᠲᠡᠭᠡᠨ ᠵᠠᠰᠠᠬᠤ ᠣᠷᠣᠨ ᠤ ᠵᠡᠭᠦᠨ᠂ ᠳᠤᠮᠳᠠ᠂ ᠪᠠᠷᠠᠭᠤᠨ | ᠬᠡᠰᠡᠭ ᠤᠨ ᠭᠠᠵᠠᠷ ᠣᠷᠣᠨ ᠤ ᠵᠤᠬᠢᠴᠠᠯᠳᠤᠨ ᠭᠦᠭᠵᠢᠬᠦ ᠶᠢ ᠨᠢᠭᠡᠳᠦᠯᠲᠡᠶ ᠲᠥᠯᠥᠪᠯᠡᠨ᠎ᠡ᠃ ᠵᠡᠭᠦᠨ ᠬᠡᠰᠡᠭ ᠤᠨ ᠠᠶᠢᠮᠠᠭ ᠬᠤᠳᠠ ᠶᠢ ᠮᠠᠨᠳᠤᠭᠤᠯᠤᠨ ᠭᠦᠭᠵᠢᠬᠦᠯᠬᠦ ᠪᠠᠨ | ᠲᠦᠷᠬᠡᠳᠬᠡᠵᠦ᠂ ᠠᠮᠢ ᠠᠬᠤᠢ ᠶᠢᠨ ᠴᠢᠳᠠᠮᠵᠢ ᠶᠢ ᠨᠢ ᠲᠤᠪᠤᠶᠢᠯᠭᠠᠨ᠂ ᠨᠡᠭᠦᠷᠡᠰᠦᠲᠥ᠋ᠷᠥᠭᠴᠢ ᠶᠢᠨ ᠬᠤᠷᠠᠮᠠᠯ ᠤᠨ ᠠᠵᠤ ᠠᠬᠤᠶ ᠶᠢ ᠬᠥᠭᠵᠢᠭᠦᠯᠵᠦ᠂ ᠠᠮᠢ ᠠᠬᠤᠢ ᠶᠢ | ᠠᠵᠦ ᠦᠢᠯᠡᠰᠵᠢᠬᠦᠯᠬᠦ᠂ ᠠᠵᠤ ᠦᠢᠯᠡᠰ ᠢ ᠠᠮᠢ ᠠᠬᠤᠶᠢᠴᠢᠯᠠᠬᠤ ᠶᠢ ᠠᠬᠢᠭᠤᠯᠤᠨ᠎ᠠ᠃ ᠬᠥᠬᠡᠬᠤᠲᠠ ᠪᠤᠭᠤᠲᠤ ᠣᠷᠳᠣᠰ ᠵᠢᠴᠢ ᠤᠯᠠᠭᠠᠨᠴᠠᠪ ᠤᠨ ᠵᠣᠬᠢᠴᠠᠩᠭᠤᠢ | ᠬᠥᠭᠵᠢᠬᠦ ᠶᠢ ᠴᠢᠩᠭᠠᠳᠬᠠᠵᠦ᠂ ᠠᠵᠤ ᠦᠢᠯᠡᠰ ᠢ ᠲᠦᠪᠯᠡᠷᠡᠭᠦᠯᠵᠦ ᠡᠷᠴᠢᠮᠵᠢᠭᠦᠯᠦᠨ ᠪᠦᠭᠡᠮᠨᠡᠷᠡᠭᠦᠯᠭᠦ ᠶᠢ ᠠᠬᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ | ᠬᠥᠳᠡᠯᠭᠡᠭᠦᠷ ᠢ ᠪᠦᠷᠢᠯᠳᠦᠭᠦᠯᠦᠨ᠎ᠡ᠃ ᠦᠬᠠᠶ ᠵᠢᠴᠢ ᠡᠷᠭᠢᠨ ᠲᠣᠭᠤᠷᠢᠨ ᠤ ᠭᠠᠵᠠᠷ ᠣᠷᠣᠨ ᠤ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠨᠢ ᠲᠦᠷᠭᠡᠳᠬᠡᠵᠦ᠂ | ᠠᠯᠠᠱᠠ ᠶᠢᠨ ᠬᠤᠶᠢᠲᠤ ᠬᠡᠰᠡᠭ ᠤᠨ ᠠᠭᠤᠯᠠᠷᠬᠠᠭ ᠣᠷᠤᠨ ᠤ ᠡᠷᠦᠳᠡᠰᠦ ᠶᠢᠨ ᠪᠦᠰᠡ ᠶᠢᠨ ᠡᠬᠢ ᠪᠠᠶᠠᠯᠢᠭ ᠢ ᠬᠠᠶᠢᠨ ᠰᠢᠨᠵᠢᠵᠦ ᠨᠡᠭᠡᠭᠡᠨ ᠬᠥᠭᠵᠢᠭᠦᠯᠬᠦ ᠶᠢ ᠠᠬᠢᠭᠤᠯᠤᠨ᠎ᠠ | ᠃ | ᠶᠡᠭᠡ ᠪᠠᠷ ᠬᠠᠮᠠᠭᠠᠯᠠᠬᠤ ᠶᠢ ᠬᠠᠮᠲᠤ ᠪᠠᠷ ᠰᠠᠶᠢᠲᠤᠷ ᠠᠳᠬᠤᠵᠤ᠂ ᠶᠡᠭᠡ ᠪᠠᠷ ᠵᠠᠰᠠᠬᠤ ᠶᠢ ᠬᠠᠮᠵᠢᠯᠴᠠᠨ ᠠᠬᠢᠭᠤᠯᠵᠤ᠂ ᠬᠠᠳᠤᠨ ᠭᠤᠤᠯ ᠤᠨ ᠰᠠᠪᠠ ᠭᠠᠵᠠᠷ ᠤᠨ | ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠬᠠᠳᠤᠨ ᠭᠤᠤᠯ ᠤᠨ ᠰᠠᠪᠠ ᠭᠠᠵᠠᠷ ᠤᠨ ᠤᠰᠤᠨ ᠰᠤᠷᠪᠤᠯᠵᠢ ᠶᠢ | ᠬᠠᠮᠠᠭᠠᠯᠠᠵᠦ ᠪᠠᠲᠤᠯᠠᠬᠤ ᠠᠷᠭ᠎ᠠ ᠠᠪᠴᠠᠯ ᠢ ᠳᠡᠭᠡᠭᠰᠢᠯᠡᠭᠦᠯᠬᠦ᠂ ᠬᠥᠷᠥᠰᠥ ᠰᠢᠷᠣᠶ ᠶᠢᠨ ᠢᠳᠡᠭᠳᠡᠯ ᠢ ᠵᠠᠰᠠᠬᠤ᠂ ᠨᠣᠭᠤ ᠭᠠᠵᠠᠷ ᠤᠨ ᠠᠮᠢ ᠠᠬᠤᠢ ᠶᠢᠨ ᠰᠢᠰᠲ᠋ᠧᠮ ᠢ | ᠵᠠᠰᠠᠨ ᠰᠡᠷᠭᠦᠭᠡᠬᠦ ᠵᠡᠷᠭᠡ ᠢᠨᠵᠧᠨᠧᠷᠢᠩ ᠢ ᠬᠡᠷᠡᠭᠵᠢᠭᠦᠯᠵᠦ᠂ ᠬᠠᠳᠤᠨ ᠭᠤᠤᠯ ᠳᠠᠭᠠᠤ ᠶᠢᠨ ᠠᠮᠢ ᠠᠬᠤᠢ ᠶᠢᠨ ᠬᠤᠩᠭᠢᠯ ᠢ ᠪᠦᠲᠦᠭᠡᠨ ᠪᠠᠶᠢᠭᠤᠯᠤᠨ᠎ᠠ᠃ ᠣᠰᠣᠨ ᠤ | ᠬᠡᠮᠵᠢᠶ᠎ᠡ ᠪᠠᠷ ᠨᠡᠬᠡᠬᠡᠨ ᠠᠰᠢᠭᠯᠠᠬᠤ ᠪᠠ ᠤᠰᠤ ᠠᠷᠪᠢᠯᠠᠬᠤ ᠪᠠᠷ ᠭᠤᠣᠯᠳᠠᠭᠤᠯᠬᠤ ᠶᠢ ᠪᠠᠷᠢᠮᠲᠠᠯᠠᠨ᠂ ᠪᠦᠳᠦᠭᠦᠯᠢᠭ ᠪᠦᠬᠡᠳ ᠲᠤᠤᠷ᠎ᠠ ᠠᠰᠢᠭᠯᠠᠮᠵᠢ ᠲᠠᠢ ᠤᠰᠤ ᠬᠡᠷᠡᠭᠯᠡᠬᠦ | ᠠᠷᠭ᠎ᠠ ᠮᠠᠶ᠋ᠢᠭ ᠢ ᠬᠤᠪᠢᠷᠠᠭᠤᠯᠤᠭᠠᠳ ᠠᠷᠪᠢᠲᠠᠢ ᠡᠷᠴᠢᠮᠲᠡᠢ ᠪᠤᠯᠭᠠᠨ᠎ᠠ᠃ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠤᠬᠢᠶᠠᠵᠦ᠂ ᠬᠠᠳᠤᠨ | ᠭᠤᠤᠯ ᠳᠠᠭᠠᠤ ᠶᠢᠨ ᠡᠬᠢ ᠪᠠᠶᠠᠯᠢᠭ ᠤᠨ ᠬᠦᠴᠦᠨ ᠵᠦᠢᠯ ᠢ ᠲᠥᠪᠯᠡᠷᠡᠭᠦᠯᠣᠨ ᠪᠦᠭᠡᠮᠨᠡᠷᠡᠭᠦᠯᠬᠦ ᠪᠠ ᠠᠵᠤ ᠦᠢᠯᠡᠰ ᠤᠨ ᠪᠣᠬᠢᠷᠲᠤᠯ ᠦᠭᠡᠢ ᠬᠥᠭᠵᠢᠯᠲᠡ ᠶᠢ | ᠠᠬᠢᠭᠤᠯᠤᠨ᠎ᠠ᠃ ᠬᠤᠲᠠ ᠶᠢᠨ ᠨᠠᠷᠢᠯᠢᠨᠨᠵᠢᠭᠤᠯᠤᠨᠨᠰᠠᠨ ᠬᠠᠮᠢᠶᠠᠷᠤᠯᠳᠠ ᠶᠢ ᠠᠬᠢᠭᠤᠯᠵᠤ᠂ ᠬᠤᠲᠠ ᠶᠢᠨ ᠣᠯᠠᠨ ᠨᠡᠶᠢᠲᠡ ᠶᠢᠨ ᠦᠢᠯᠡᠴᠢᠯᠡᠬᠡᠨ ᠤ ᠲᠦᠪᠰᠢᠨ ᠢ | ᠲᠡᠬᠡᠭᠰᠢᠯᠡᠬᠦᠯᠦᠨ᠂ ᠣᠶᠤᠨᠲᠤ ᠬᠤᠲᠠ᠂ ᠤᠷᠤᠰᠢᠨ ᠰᠠᠭᠤᠷᠢᠰᠢᠬᠤ ᠳᠤ ᠲᠤᠬᠢᠷᠠᠮᠵᠢᠳᠠᠢ ᠬᠤᠳᠠ ᠶᠢ ᠪᠦᠳᠦᠬᠡᠨ ᠪᠠᠶᠢᠭᠤᠯᠤᠨ᠎ᠠ᠃ ᠤᠷᠤᠨ ᠪᠦᠰᠡ ᠶᠢᠨ ᠭᠤᠤᠯ ᠲᠦᠪ | ᠪᠤᠯᠬᠤ ᠬᠤᠳᠠ ᠶᠢᠨ ᠨᠦᠯᠦᠭᠡᠯᠡᠨ ᠲᠠᠶᠢᠴᠢᠯᠠᠬᠤ ᠦᠢᠯᠡᠳᠦᠯ ᠢ ᠪᠠᠳᠠᠷᠠᠭᠤᠯᠵᠦ᠂ ᠠᠶᠢᠮᠠᠭ ᠬᠤᠲᠠ᠂ ᠬᠤᠰᠢᠭᠤ ᠰᠢᠶᠠᠨ ᠤ ᠪᠠᠶᠢᠭ᠎ᠠ ᠭᠠᠵᠠᠷ ᠤᠨ ᠪᠠ ᠲᠥᠪ | ᠪᠠᠯᠭᠠᠰᠤᠨ ᠤ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠵᠦ᠂ ᠣᠨᠴᠠᠯᠢᠭᠲᠤ ᠵᠢᠵᠢᠭ ᠪᠠᠯᠭᠠᠰᠤᠨ ᠤ ᠬᠥᠭᠵᠢᠯᠲᠡ ᠶᠢ ᠳᠠᠮᠵᠢᠨ᠎ᠠ᠃ | ︵ᠨᠠᠢᠮᠠ︶ ᠥᠭᠡᠷᠡᠴᠢᠯᠡᠯᠲᠡ ᠨᠡᠭᠡᠭᠡᠯᠲᠡ ᠶᠢ ᠭᠤᠶᠢᠪᠢᠰᠢ ᠦᠭᠡᠢ ᠭᠦᠨᠵᠡᠭᠡᠶᠢᠷᠡᠭᠦᠯᠦᠨ᠎ᠡ | ᠤᠯᠤᠰ ᠤᠨ ᠥᠮᠴᠢᠯᠡᠯᠳᠣ ᠠᠵᠤ ᠠᠬᠤᠶᠢᠯᠠᠯ ᠳᠤ ᠥᠭᠡᠷᠡᠴᠢᠯᠡᠯᠲᠡ ᠬᠢᠬᠦ ᠭᠤᠷᠪᠠᠨ ᠵᠢᠯ ᠤᠨ ᠠᠵᠢᠯᠯᠠᠭᠠᠨ ᠤ ᠲᠦᠰᠦᠯ ᠢ ᠲᠣᠭᠲᠠᠭᠠᠵᠤ ᠬᠡᠷᠡᠭᠵᠢᠭᠦᠯᠦᠨ᠂ | ᠤᠯᠤᠰ ᠤᠨ ᠥᠮᠴᠢᠯᠡᠯᠳᠣ ᠡᠳ᠋ ᠬᠥᠷᠥᠩᠭᠡ ᠪᠠᠷ ᠪᠡᠯᠡ ᠣᠷᠣᠭᠤᠯᠵᠤ ᠡᠵᠡᠩᠨᠡᠨ ᠠᠵᠢᠯᠯᠠᠬᠤ ᠺᠣᠮᠫᠠᠨᠢ ᠶᠢᠨ ᠲᠤᠷᠰᠢᠯᠲᠠ ᠶᠢᠨ ᠴᠡᠭ ᠤᠨ ᠠᠵᠢᠯ ᠢ ᠰᠠᠶᠢᠲᠤᠷ ᠬᠢᠵᠦ᠂ | ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠳᠠᠬᠢ ᠡᠵᠡᠩᠨᠡᠯᠲᠡ ᠶᠢᠨ ᠴᠢᠨᠠᠷᠲᠠᠶ ᠤᠯᠤᠰ ᠤᠨ ᠥᠮᠴᠢᠯᠡᠯᠳᠣ ᠡᠳ᠋ ᠬᠥᠷᠥᠩᠭᠡ ᠳᠤ ᠲᠥᠪᠯᠡᠷᠡᠭᠦᠯᠵᠦ ᠨᠢᠭᠡᠳᠦᠯᠲᠡᠶ | ᠬᠢᠨᠠᠯᠲᠠ ᠲᠠᠯᠪᠢᠵᠤ ᠬᠠᠮᠢᠶᠠᠷᠬᠤ ᠶᠢ ᠪᠡᠶᠡᠯᠡᠭᠦᠯᠦᠨ᠎ᠡ᠃ ᠬᠤᠯᠢᠮᠠᠭ ᠥᠮᠴᠢᠯᠡᠯᠳᠣ ᠶᠢᠨ ᠥᠭᠡᠷᠡᠴᠢᠯᠡᠯᠲᠡ ᠶᠢ ᠲᠦᠷᠭᠡᠳᠬᠡᠵᠦ᠂ ᠤᠯᠤᠰ ᠤᠨ ᠥᠮᠴᠢᠯᠡᠯᠳᠣ ᠪᠡᠯᠡ | ᠮᠦᠡᠭᠭᠦ ᠶᠢ ᠬᠥᠲᠥᠯᠥᠨ ᠵᠢᠯᠣᠭᠤᠳᠴᠤ ᠪᠠᠶᠢᠭᠠᠳ ᠠᠵᠤ ᠦᠢᠯᠡᠰ ᠤᠨ ᠬᠡᠯᠬᠢᠶᠡᠨ ᠳᠠᠬᠢ ᠳᠤᠮᠳᠠ ᠳᠡᠭᠡᠳᠦ ᠦᠵᠦᠬᠦᠷ ᠪᠠ ᠰᠢᠨ᠎ᠡ ᠪᠠᠷ ᠪᠣᠢ ᠪᠣᠯᠣᠭᠰᠠᠨ ᠠᠵᠤ ᠦᠢᠯᠡᠰ | ᠲᠡᠶᠢᠰᠢ ᠪᠠᠶᠢᠷᠢᠰᠢᠭᠤᠯᠤᠯᠲᠠ ᠬᠢᠯᠭᠡᠨ᠎ᠡ᠃ ᠴᠠᠬᠢᠯᠭᠠᠨ ᠬᠦᠴᠦᠨ ᠤ ᠪᠠᠶᠢᠭᠤᠯᠤᠯ ᠪᠠ ᠳᠠᠮᠵᠢᠭᠤᠯᠵᠤ ᠲᠦᠭᠡᠭᠡᠬᠦ ᠴᠠᠬᠢᠯᠭᠠᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠳᠤ ᠠᠰᠢᠨᠨᠳᠠᠢ ᠴᠠᠬᠢᠯᠭᠠᠨ ᠤ ᠦᠨ᠎ᠡ ᠬᠠᠩᠰᠢ ᠶᠢᠨ ᠲᠣᠭᠲᠠᠴᠠ ᠶᠢ | ᠪᠠᠶᠢᠭᠤᠯᠤᠨ᠎ᠠ᠃ ᠤᠯᠤᠰ ᠤᠨ ᠥᠮᠴᠢᠯᠡᠯᠳᠣ ᠮᠦᠩᠭᠦᠨ ᠭᠦᠢᠯᠭᠡᠭᠡᠨ ᠤ ᠪᠡᠯᠡ ᠮᠦᠡᠭᠭᠦ ᠳᠤ ᠲᠥᠪᠯᠡᠷᠡᠭᠦᠯᠦᠨ ᠨᠢᠭᠡᠳᠦᠯᠲᠡᠶ ᠬᠠᠮᠢᠶᠠᠷᠬᠤ ᠶᠢ ᠬᠡᠷᠡᠭᠵᠢᠭᠦᠯᠵᠦ᠂ ᠣᠷᠣᠨ | ᠨᠤᠲᠤᠭ ᠤᠨ ᠮᠦᠩᠭᠦᠨ ᠭᠦᠢᠯᠭᠡᠭᠡᠨ ᠤ ᠬᠢᠨᠠᠨ ᠬᠠᠮᠢᠶᠠᠷᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶᠠᠨ ᠤ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠲᠡᠭ ᠰᠠᠭᠤᠷᠢᠨ ᠲᠥᠰᠥᠪ ᠤᠨ ᠱᠠᠭᠠᠷᠳᠠᠯᠭ᠎ᠠ ᠶᠣᠰᠣᠭᠠᠷ ᠵᠠᠷᠤᠯᠭ᠎ᠠ ᠶᠢᠨ ᠪᠦᠲᠦᠴᠡ ᠶᠢ ᠤᠯᠠᠮ ᠨᠢᠭᠡ ᠠᠯᠬᠤᠮ | ᠰᠢᠯᠢᠳᠡᠭᠵᠢᠭᠦᠯᠵᠦ᠂ ᠡᠳ᠋ ᠤᠨ ᠵᠠᠰᠠᠭ ᠤᠨ ᠪᠡᠯᠡ ᠮᠥᠩᠭᠦᠨ ᠤ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠦᠨ᠎ᠡ᠃ | ᠨᠡᠭᠡᠭᠡᠯᠲᠡ ᠬᠢᠬᠦ ᠪᠠᠷ ᠥᠭᠡᠷᠡᠴᠢᠯᠡᠯᠲᠡ᠂ ᠬᠥᠭᠵᠢᠯᠲᠡ ᠪᠠ ᠰᠢᠨ᠎ᠡ ᠡᠭᠦᠳᠦᠯᠲᠡ ᠪᠠᠨ ᠠᠬᠢᠭᠤᠯᠬᠤ ᠶᠢ ᠪᠠᠷᠢᠮᠲᠠᠯᠠᠵᠤ᠂ ᠨᠠᠩ ᠥᠨᠳᠥᠷ ᠲᠥᠪᠰᠢᠨ ᠲᠠᠢ | ᠭᠠᠳᠠᠭᠠᠳᠤ ᠨᠡᠭᠡᠭᠡᠯᠲᠡ ᠬᠢᠬᠦ ᠶᠢ ᠠᠬᠢᠭᠤᠯᠤᠨ᠎ᠠ᠃ ᠣᠯᠠᠨ ᠡᠰᠢᠵᠢᠭᠰᠡᠨ ᠵᠠᠬ᠎ᠠ ᠳᠡᠯᠭᠡᠭᠦᠷ ᠢ ᠢᠳᠡᠪᠬᠢᠲᠡᠢ ᠨᠡᠭᠡᠭᠡᠨ ᠥᠷᠭᠡᠳᠬᠡᠵᠦ᠂ ᠭᠠᠳᠠᠭᠠᠳᠤ ᠠᠷᠠᠯᠵᠢᠶᠠᠨ ᠤ | ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠪᠣᠢ ᠪᠣᠯᠭᠠᠨ᠂ ᠭᠠᠳᠠᠭᠠᠳᠤ ᠠᠷᠠᠯᠵᠢᠶᠠᠨ ᠤ ᠲᠣᠭᠲᠠᠭᠤᠨ ᠢᠶᠠᠷ ᠨᠡᠮᠡᠭᠳᠡᠬᠦ ᠶᠢ ᠪᠠᠲᠤᠯᠠᠨ᠎ᠠ᠃ ︽ᠨᠢᠭᠡ ᠪᠦᠰᠡ ᠨᠢᠭᠡ | ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠭᠦᠨᠵᠡᠭᠡᠶ ᠠᠭᠤᠰᠤᠯᠴᠠᠵᠤ᠂ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ | ᠪᠠᠶᠢᠭᠤᠯᠤᠯᠲᠠ ᠳᠤ ᠢᠳᠡᠪᠬᠢᠲᠡᠢ ᠣᠷᠣᠯᠴᠠᠨ᠎ᠠ᠃ | ᠥᠷᠭᠡᠨ ᠬᠡᠪᠴᠢᠶᠡᠨ ᠤ ᠬᠢᠯᠢ ᠶᠢᠨ ᠪᠣᠭᠤᠮᠲᠠ ᠶᠢᠨ ᠠᠵᠤ ᠠᠬᠤᠶ ᠶᠢ ᠶᠡᠭᠡ ᠪᠠᠷ ᠬᠦᠭᠵᠢᠭᠦᠯᠵᠦ᠂ ᠬᠢᠯᠢ ᠶᠢᠨ ᠪᠣᠭᠤᠮᠲᠠ ᠪᠠ ᠣᠯᠠᠨ ᠤᠯᠤᠰ ᠯᠤᠭ᠎ᠠ ᠶᠢᠨ | ᠨᠡᠪᠲᠡᠷᠡᠬᠦ ᠵᠠᠮ ᠤᠨ ᠨᠦᠯᠦᠭᠡᠯᠡᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠂ ᠭᠤᠤᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ | ᠵᠡᠷᠭᠡ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠬᠢᠯᠢ ᠶᠢᠨ ᠪᠣᠭᠤᠮᠲᠠ ᠬᠢᠭᠡᠳ ᠳᠣᠲᠤᠷ᠎ᠠ ᠭᠠᠵᠠᠷ ᠤᠨ ᠬᠤᠭᠤᠷᠤᠨᠳᠤᠬᠢ᠂ ᠠᠭᠠᠷ ᠠᠶᠠᠯᠠᠯ ᠤᠨ | ᠬᠢᠯᠢ ᠶᠢᠨ ᠪᠤᠭᠤᠮᠲᠠ ᠬᠢᠭᠡᠳ ᠬᠠᠭᠤᠷᠠᠶ ᠳᠠᠬᠢ ᠬᠢᠯᠢ ᠶᠢᠨ ᠪᠣᠭᠤᠮᠲᠠ ᠶᠢᠨ ᠬᠤᠭᠤᠷᠣᠨᠳᠣᠬᠢ ᠬᠠᠮᠵᠢᠯᠴᠠᠭ᠎ᠠ ᠶᠢ ᠴᠢᠩᠭᠠᠳᠬᠠᠨ᠂ ᠭᠠᠳᠠᠭᠠᠳᠤ ᠠᠴᠠ ᠣᠷᠣᠭᠤᠯᠬᠤ ᠪᠠ | ᠭᠠᠳᠠᠭᠠᠳᠤ ᠳᠤ ᠭᠠᠷᠭᠠᠬᠤ ᠭᠦᠢᠯᠭᠡᠭᠡᠨ ᠶᠡᠬᠡᠲᠡᠢ ᠪᠦᠲᠦᠭᠡᠭᠳᠡᠭᠦᠨ ᠢ ᠪᠤᠲᠠᠲᠠᠢ ᠭᠠᠵᠠᠷ ᠲᠤ ᠰᠠᠭᠤᠷᠢᠰᠢᠭᠤᠯᠵᠤ ᠪᠣᠯᠪᠠᠰᠤᠷᠠᠭᠤᠯᠬᠤ ᠶᠢ ᠠᠬᠢᠭᠤᠯᠵᠤ᠂ ᠨᠡᠪᠲᠡᠷᠡᠯ ᠵᠠᠮ ᠤᠨ | ᠠᠵᠤ ᠠᠬᠤᠢ ᠶᠢ ᠰᠠᠭᠤᠷᠢᠰᠢᠮᠠᠯ ᠠᠵᠤ ᠠᠬᠤᠢ ᠪᠣᠯᠭᠠᠨ ᠬᠤᠪᠢᠷᠠᠭᠤᠯᠤᠨ᠎ᠠ᠃ ᠳᠤᠮᠳᠠᠳᠦ ᠤᠯᠤᠰ ︵ᠦᠪᠦᠷ ᠮᠤᠩᠭᠤᠯ︶ ᠤᠨ ᠴᠢᠯᠦᠭᠡᠲᠦ ᠠᠷᠠᠯᠵᠢᠶᠠᠨ ᠤ | ᠲᠤᠷᠰᠢᠯᠲᠠ ᠶᠢᠨ ᠤᠷᠤᠨ ᠢ ᠪᠠᠶᠢᠭᠤᠯᠬᠤ ᠪᠠᠷ ᠭᠤᠶᠤᠴᠢᠯᠠᠨ ᠮᠡᠳᠡᠭᠦᠯᠦᠨ᠎ᠡ᠃ | ᠰᠢᠶᠠᠩᠭᠠᠩ ᠣᠣᠮᠧᠨ ᠤ ᠭᠠᠵᠠᠷ ᠣᠷᠣᠨ ᠯᠤᠭ᠎ᠠ ᠶᠢᠨ ᠠᠵᠤ ᠠᠬᠤᠢ ᠠᠷᠠᠯᠵᠢᠶ᠎ᠠ ᠶᠢᠨ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠨᠢᠭᠲᠠᠷᠠᠭᠤᠯᠤᠨ᠂ | ᠤᠯᠤᠰ ᠤᠨ ᠶᠠᠮᠤᠨ ᠵᠥᠪᠯᠡᠯ᠂ ᠪᠤᠰᠤᠳ ᠮᠣᠵᠢ ᠥᠪᠡᠷᠲᠡᠭᠡᠨ ᠵᠠᠰᠠᠬᠤ ᠣᠷᠣᠨ ᠬᠤᠲᠠ ᠪᠠ ᠳᠡᠭᠡᠳᠦ ᠵᠡᠷᠭᠡ ᠶᠢᠨ ᠰᠤᠷᠭᠠᠭᠤᠯᠢ᠂ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠭᠠᠵᠠᠷ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠲᠥᠪ ᠤᠨ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ | ᠪᠠᠶᠢᠯᠳᠤᠬᠤ ᠪᠣᠳᠣᠯᠭ᠎ᠠ ᠶᠢᠨ ᠲᠠᠯ᠎ᠠ ᠪᠠᠷ ᠬᠢ ᠵᠥᠪᠯᠡᠯᠴᠡᠭᠡᠷ ᠢ ᠮᠥᠷᠳᠡᠨ ᠨᠠᠶᠢᠳᠠᠪᠤᠷᠢᠵᠢᠭᠤᠯᠤᠨ᠎ᠠ᠃ ᠰᠢᠨ᠎ᠡ ᠴᠠᠭ ᠦᠶ᠎ᠡ ᠳᠠᠬᠢ ᠪᠠᠷᠠᠭᠤᠨ ᠣᠷᠣᠨ ᠢ ᠶᠡᠭᠡ ᠪᠠᠷ ᠨᠡᠭᠡᠭᠡᠨ | ᠬᠥᠭᠵᠢᠭᠦᠯᠬᠦ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠥᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠭᠦᠨᠵᠡᠭᠡᠢ ᠨᠠᠶᠢᠳᠠᠪᠦᠷᠢᠵᠢᠭᠤᠯᠵᠦ᠂ | ᠲᠥᠷᠦ ᠶᠢᠨ ᠪᠣᠳᠣᠯᠭ᠎ᠠ ᠶᠢᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠣᠨ᠎ᠠ᠃ | ︵ᠶᠢᠰᠦ︶ ᠪᠣᠯᠪᠠᠰᠤᠨ ᠥᠪᠥᠷ ᠮᠣᠩᠭᠤᠯ ᠤᠨ ᠪᠠᠶᠢᠭᠤᠯᠤᠯᠲᠠ ᠶᠢ ᠠᠬᠢᠭᠤᠯᠤᠨ᠎ᠠ | ᠨᠡᠶᠢᠭᠡᠮ ᠵᠢᠷᠤᠮ ᠤᠨ ᠭᠤᠣᠯᠯᠠᠭᠴᠢ ᠦᠷᠲᠡᠭ ᠤᠨ ᠦᠵᠡᠯᠲᠡ ᠶᠢ ᠪᠣᠢ ᠪᠣᠯᠭᠠᠨ ᠦᠢᠯᠡᠳᠦᠯᠬᠡᠵᠢᠬᠦᠯᠵᠦ᠂ ᠡᠷᠬᠡᠲᠦ ᠠᠷᠠᠳ ᠤᠨ ᠶᠣᠰᠣ ᠰᠤᠷᠲᠠᠬᠤᠨ ᠤ | ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠦᠨ᠂ ᠣᠯᠠᠨ ᠲᠥᠮᠡᠨᠴᠢ ᠴᠢᠨᠠᠷᠲᠠᠢ ᠤᠶᠤᠨ ᠤ ᠪᠣᠯᠪᠠᠰᠤᠨ ᠢ ᠴᠣᠭᠴᠠᠯᠠᠨ ᠪᠠᠶᠢᠭᠤᠯᠬᠤ ᠠᠵᠢᠯᠯᠠᠭ᠎ᠠ ᠶᠢ ᠥᠷᠭᠡᠨ | ᠳᠡᠯᠭᠡᠷ ᠥᠷᠨᠢᠭᠦᠯᠦᠨ᠂ ᠪᠠᠭᠠᠲᠤᠷᠴᠤᠳ ᠪᠠ ᠵᠢᠱᠢᠶᠡᠴᠢ ᠠᠴᠠ ᠲᠠᠭᠠᠨ ᠰᠤᠷᠤᠯᠴᠠᠵᠤ᠂ ᠪᠦᠬᠦ ᠨᠡᠶᠢᠭᠡᠮ ᠤᠨ ᠶᠣᠰᠣ ᠰᠤᠷᠲᠠᠬᠤᠨ ᠤ ᠲᠦᠪᠰᠢᠨ ᠪᠠ ᠪᠣᠯᠪᠠᠰᠤᠨ ᠤ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠥᠪᠥᠷ ᠮᠣᠩᠭᠤᠯ ᠤᠨ ᠦᠯᠢᠭᠡᠷ ᠢ ᠲᠣᠭᠠᠴᠢᠨ ᠬᠦᠦᠷᠨᠢᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ | ᠬᠥᠭᠵᠢᠯᠲᠡ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠭᠦᠢᠴᠡᠳ ᠦᠵᠡᠭᠦᠯᠦᠨ᠂ ᠦᠨᠳᠦᠰᠦᠲᠡᠨ ᠨᠦᠭᠦᠳ ᠤᠨ ᠠᠷᠠᠳ | ᠲᠦᠮᠡᠨ ᠤ ᠪᠦᠯᠬᠦᠮᠳᠡᠨ ᠲᠡᠮᠡᠴᠡᠬᠦ ᠪᠠ ᠴᠥᠬᠦᠷᠡᠰᠢ ᠦᠭᠡᠢ ᠤᠷᠤᠭᠰᠢᠯᠠᠬᠤ ᠵᠣᠷᠢᠭ ᠰᠠᠨᠠᠭᠠᠨ ᠤ ᠴᠤᠭ ᠵᠢᠪᠬᠤᠭ᠎ᠠ ᠶᠢ ᠭᠦᠢᠴᠡᠳ ᠢᠯᠡᠷᠡᠭᠦᠯᠦᠨ᠎ᠡ᠃ | ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠴᠡᠴᠡᠭᠯᠡᠭᠦᠯᠦᠨ᠂ ᠠᠷᠠᠳ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠬᠵᠢᠭᠤᠯᠤᠨ᠎ᠠ᠃ | ᠳᠤᠮᠳᠠᠲᠤ ᠶᠢᠨ ᠤᠯᠠᠮᠵᠢᠯᠠᠯᠲᠤ ᠰᠢᠯᠢᠳᠡᠭ ᠰᠣᠶᠣᠯ ᠪᠠ ᠬᠤᠪᠢᠰᠬᠠᠯᠲᠤ ᠰᠣᠶᠣᠯ ᠢ ᠵᠠᠯᠭᠠᠮᠵᠢᠯᠠᠨ ᠰᠤᠷᠲᠠᠯᠴᠢᠯᠠᠵᠤ᠂ ᠲᠠᠯ᠎ᠠ ᠨᠤᠲᠤᠭ ᠤᠨ ᠰᠣᠶᠣᠯ ᠢ ᠪᠦᠲᠦᠭᠡᠯᠴᠢ ᠪᠠᠷ | ᠤᠯᠠᠷᠢᠭᠤᠯᠬᠤ ᠪᠠ ᠰᠢᠨ᠎ᠡ ᠡᠭᠦᠳᠦᠯᠳᠡ ᠲᠠᠢ ᠪᠠᠷ ᠬᠥᠭᠵᠢᠭᠦᠯᠬᠦ ᠶᠢ ᠠᠬᠢᠭᠤᠯᠤᠨ᠎ᠠ᠃ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠵᠤ ᠠᠰᠢᠭᠯᠠᠬᠤ ᠪᠠ ᠪᠣᠳᠠᠰ ᠤᠨ | ᠪᠣᠰᠤ ᠰᠣᠶᠣᠯ ᠤᠨ ᠥᠪ ᠤᠨ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠨ᠎ᠠ᠃ ᠠᠷᠤ ᠬᠤᠷᠴᠢᠨ ᠤ ᠲᠠᠯ᠎ᠠ ᠨᠤᠲᠤᠭ ᠤᠨ ᠨᠡᠭᠦᠳᠡᠯ ᠮᠠᠯᠵᠢᠯ ᠤᠨ ᠰᠢᠰᠲ᠋ᠧᠮ ᠢ ᠪᠦᠭᠦ | ᠪᠦᠮᠪᠦᠷᠴᠡᠭ ᠤᠨ ᠴᠢᠬᠤᠯᠠ ᠬᠥᠳᠡᠭᠡ ᠠᠵᠤ ᠠᠬᠤᠢ ᠶᠢᠨ ᠰᠣᠶᠣᠯ ᠤᠨ ᠥᠪ ᠢᠶᠠᠷ ᠭᠤᠶᠤᠴᠢᠯᠠᠨ ᠮᠡᠳᠡᠭᠦᠯᠬᠦ ᠪᠠ ᠪᠠᠲᠠᠢ ᠶᠢᠨ ᠵᠢᠷᠠᠨ ᠡᠯᠡᠰᠦᠨ ᠴᠥᠯ ᠢ ᠳᠡᠯᠡᠬᠡᠢ ᠶᠢᠨ | ᠪᠠᠶᠢᠭᠠᠯᠢ ᠶᠢᠨ ᠥᠪ ᠢᠶᠠᠷ ᠭᠤᠶᠤᠴᠢᠯᠠᠨ ᠮᠡᠳᠡᠭᠦᠯᠬᠦ ᠠᠵᠢᠯ ᠢ ᠰᠠᠶᠢᠲᠤᠷ ᠬᠢᠨ᠎ᠡ᠃ ᠥᠪᠥᠷ ᠮᠣᠩᠭᠤᠯ ᠤᠨ ᠬᠤᠪᠢᠰᠬᠠᠯᠳᠤ ᠲᠡᠤᠬᠡ ᠶᠢᠨ ᠮᠦᠽᠧᠢ᠂ ᠬᠢᠳᠠᠨ ᠯᠢᠶᠣᠤ | ᠤᠯᠤᠰ ᠤᠨ ᠦᠶ᠎ᠡ ᠶᠢᠨ ᠳᠤᠷᠠᠰᠬᠠᠯᠲᠤ ᠵᠦᠢᠯ ᠤᠨ ᠮᠦᠽᠧᠢ ᠶᠢ ᠪᠠᠶᠢᠭᠤᠯᠤᠨ᠎ᠠ᠃ ︽ᠣᠶᠤᠨᠲᠤ ᠷᠠᠳᠢᠣ᠋ ᠲᠧᠯᠸᠢᠰ︾ ᠤᠨ ᠢᠨᠵᠧᠨᠧᠷᠢᠩ ᠢ ᠬᠡᠷᠡᠭᠵᠢᠭᠦᠯᠦᠨ᠂ ᠰᠣᠨᠢᠨ | ᠮᠡᠳᠡᠭᠡ ᠬᠡᠪᠯᠡᠯ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ᠂ ᠰᠣᠶᠣᠯ ᠤᠷᠠᠯᠢᠭ ᠤᠨ ᠲᠣᠭᠯᠠᠯᠲᠠ ᠵᠡᠷᠭᠡ ᠠᠵᠢᠯ ᠦᠢᠯᠡᠰ ᠢ ᠴᠡᠴᠡᠭᠯᠡᠭᠦᠯᠦᠨ ᠬᠦᠭᠵᠢᠭᠦᠯᠵᠦ᠂ ᠰᠣᠶᠣᠯ ᠤᠨ | ᠠᠵᠤ ᠦᠢᠯᠡᠰ ᠢ ᠬᠦᠭᠵᠢᠭᠦᠯᠦᠨ᠂ ᠰᠣᠶᠣᠯ ᠤᠨ ᠵᠦᠭᠡᠯᠡᠨ ᠪᠤᠳᠠᠳᠤ ᠬᠦᠴᠦᠨ ᠢ ᠰᠢᠨ᠎ᠡ ᠦᠷᠢᠰᠦᠯᠳᠦᠬᠦ ᠬᠦᠴᠦᠨ ᠪᠣᠯᠭᠠᠨ᠎ᠠ᠃ | ︵ᠠᠷᠪᠠ︶ ᠠᠷᠠᠳ ᠤᠨ ᠠᠮᠢᠳᠤᠷᠠᠯ ᠢ ᠦᠨᠡᠨ ᠬᠦ ᠪᠠᠳᠤᠯᠠᠨ ᠰᠠᠶᠢᠵᠢᠷᠠᠭᠤᠯᠤᠨ᠎ᠠ | ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠴᠢᠬᠤᠯᠠ ᠠᠴᠠ ᠴᠢᠬᠤᠯᠠ ᠵᠦᠢᠯ ᠪᠣᠯᠭᠠᠨ᠂ ᠶᠡᠭᠡ ᠳᠡᠭᠡᠲᠥ ᠰᠤᠷᠭᠠᠭᠤᠯᠢ ᠠᠴᠠ ᠲᠡᠭᠦᠰᠦᠭᠰᠡᠳ᠂ | ᠲᠠᠷᠢᠶᠠᠴᠢᠨ ᠬᠦᠴᠦ ᠶᠠᠪᠤᠭᠰᠠᠳ᠂ ᠠᠵᠢᠯ ᠤᠨ ᠪᠠᠶᠢᠷᠢ ᠠᠴᠠ ᠪᠠᠨ ᠪᠠᠭᠤᠵᠦ ᠠᠵᠢᠯ ᠠᠯᠳᠠᠭᠰᠠᠳ᠂ ᠴᠡᠷᠢᠭ ᠤᠨ ᠠᠯᠪᠠ ᠠᠴᠠ ᠬᠠᠯᠬᠠᠳ᠋ᠬᠠᠰᠠᠳ ᠵᠡᠷᠭᠡ | ᠭᠤᠣᠯᠳᠠᠯᠭ᠎ᠠ ᠲᠠᠢ ᠭᠦᠮᠦᠰ ᠲᠤ ᠠᠵᠢᠯ ᠤᠯᠭᠤᠬᠤ ᠶᠢ ᠲᠣᠪᠤᠶᠢᠮ᠎ᠠ ᠰᠠᠶᠢᠲᠤᠷ ᠠᠳᠬᠤᠵᠤ᠂ ᠨᠢᠬᠡ ᠴᠤ ᠠᠵᠢᠯ ᠤᠯᠤᠭᠠᠳᠤᠢ ᠭᠡᠷ ᠪᠦᠯᠢ ᠳᠤ ᠬᠦᠳᠡᠯᠦᠩᠭᠦᠢ ᠪᠠᠷ ᠠᠵᠢᠯ | ᠤᠯᠭᠤᠬᠤ ᠶᠢ ᠦᠨᠡᠨ ᠬᠦ ᠪᠠᠲᠤᠯᠠᠨ᠎ᠠ᠃ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠪᠠ ᠣᠯᠠᠨ ᠠᠷᠭ᠎ᠠ ᠵᠠᠮ ᠢᠶᠠᠷ ᠠᠮᠢᠳᠤᠯᠢᠭ ᠢᠶᠠᠷ ᠠᠵᠢᠯ | ᠣᠯᠭᠤᠬᠤ ᠶᠢ ᠠᠬᠢᠭᠤᠯᠤᠨ᠂ ᠣᠯᠠᠨ ᠢᠶᠠᠷ ᠢᠶᠠᠨ ᠦᠢᠯᠡᠰ ᠴᠣᠭᠴᠠᠯᠠᠵᠤ ᠣᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠠᠬᠢᠭᠤᠯᠤᠨ᠎ᠠ᠃ ᠠᠵᠢᠯ ᠮᠡᠷᠭᠡᠵᠢᠯ ᠤᠨ ᠤᠷ᠎ᠠ | ᠴᠢᠳᠠᠪᠤᠷᠢ ᠪᠠᠨ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠦᠷᠨᠢᠭᠦᠯᠦᠨ᠂ ᠪᠦᠬᠦ ᠣᠷᠣᠨ ᠤ ᠤᠯᠠᠨ ᠨᠡᠶᠢᠳᠡ ᠶᠢᠨ ᠠᠵᠢᠯ ᠣᠯᠭᠤᠯᠲᠠ ᠳᠤ ᠦᠢᠯᠡᠴᠢᠯᠡᠬᠦ ᠮᠡᠳᠡᠭᠡ | ᠵᠠᠩᠬᠢᠴᠢᠯᠬᠠᠰᠠᠨ ᠨᠢᠭᠡᠳᠦᠯᠲᠡᠢ ᠲᠠᠪᠴᠠᠩ ᠢ ᠪᠠᠶᠢᠭᠤᠯᠵᠤ᠂ ᠠᠵᠢᠯ ᠡᠷᠢᠬᠦ᠂ ᠠᠵᠢᠯᠴᠢᠨ ᠬᠡᠷᠡᠭᠯᠡᠬᠦ ᠶᠢᠨ ᠬᠡᠷᠡᠭᠴᠡᠭᠡ ᠱᠠᠭᠠᠷᠳᠠᠯᠭ᠎ᠠ ᠬᠢᠭᠡᠳ ᠪᠤᠯᠪᠠᠰᠤᠷᠠᠭᠤᠯᠬᠤ ᠲᠠᠢ ᠨᠢ | ᠤᠨᠤᠪᠴᠢᠳᠠᠢ ᠵᠠᠯᠭᠠᠯᠳᠤᠭᠤᠯᠬᠤ ᠶᠢ ᠠᠬᠢᠭᠤᠯᠤᠨ᠂ ᠪᠦᠲᠦᠴᠡ ᠶᠢᠨ ᠴᠢᠨᠠᠷᠲᠠᠢ ᠪᠠᠷ ᠠᠵᠢᠯ ᠣᠯᠭᠤᠬᠤ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ | ᠰᠤᠷᠭᠠᠨ ᠬᠦᠮᠦᠵᠢᠯ ᠤᠨ ᠠᠵᠢᠯ ᠦᠢᠯᠡᠰ ᠢ ᠡᠩ ᠲᠡᠷᠢᠭᠦᠨ ᠳᠤ ᠬᠦᠭᠵᠢᠭᠦᠯᠦᠨ᠎ᠡ᠃ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠪᠠ ᠲᠦᠬᠡᠮᠡᠯ | ᠬᠠᠷᠠᠭᠠᠯᠵᠠᠯ ᠤᠨ ᠴᠢᠨᠠᠷᠲᠠᠢ ᠠᠷᠠᠳ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠡᠬᠢ ᠪᠠᠶᠠᠯᠢᠭ ᠢ ᠨᠡᠮᠡᠭᠳᠡᠭᠦᠯᠵᠦ᠂ ᠰᠤᠮᠤ ᠰᠢᠶᠠᠩ ᠪᠠᠯᠭᠠᠰᠤᠨ ᠤ ᠪᠠᠶᠢᠷᠢ ᠳᠤ | ᠰᠠᠭᠤᠯᠭᠠᠬᠤ ᠳᠥᠷᠢᠮᠲᠦ ᠰᠤᠷᠭᠠᠭᠤᠯᠢ ᠪᠠ ᠬᠦᠳᠡᠭᠡ ᠲᠤᠰᠬᠤᠨ ᠤ ᠪᠠᠭ᠎ᠠ ᠬᠡᠪᠴᠢᠶᠡᠨ ᠤ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠦᠬᠦᠴᠡᠯ ᠢ ᠰᠠᠶᠢᠵᠢᠷᠠᠭᠤᠯᠤᠨ᠂ | ᠡᠩ ᠤᠨ ᠦᠨᠳᠦᠷ ᠵᠡᠷᠭᠡ ᠶᠢᠨ ᠳᠤᠮᠳᠠᠲᠤ ᠰᠤᠷᠭᠠᠭᠤᠯᠢ ᠶᠢᠨ ᠣᠯᠠᠨ ᠶᠠᠩᠵᠦ ᠲᠠᠢ ᠪᠥᠭᠡᠳ ᠥᠪᠡᠷᠮᠢᠴᠡ ᠣᠨᠴᠠᠯᠢᠭ ᠲᠠᠢ ᠰᠤᠷᠭᠠᠭᠤᠯᠢ ᠡᠷᠬᠢᠯᠡᠬᠦ ᠬᠢᠷᠢ ᠲᠦᠪᠰᠢᠨ ᠢ | ᠳᠡᠭᠡᠭᠰᠢᠯᠡᠭᠦᠯᠵᠣ᠂ ︽ᠬᠤᠣᠰ ᠲᠡᠷᠢᠭᠦᠨ ᠲᠡᠰ︾ ᠤᠨ ᠪᠠᠶᠢᠭᠤᠯᠤᠯᠲᠠ ᠶᠢ ᠠᠬᠢᠭᠤᠯᠤᠨ᠎ᠠ᠃ ᠦᠨᠳᠦᠷ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠡᠯᠰᠡᠬᠦ | ᠰᠤᠷᠤᠭᠴᠢ ᠪᠠᠨ ᠨᠡᠮᠡᠭᠳᠡᠬᠦᠯᠵᠦ ᠴᠢᠨᠠᠷ ᠴᠢᠨᠰᠠᠭ᠎ᠠ ᠪᠠᠨ ᠰᠠᠶᠢᠵᠢᠷᠠᠭᠤᠯᠬᠤ ᠭᠤᠷᠪᠠᠨ ᠵᠢᠯ ᠤᠨ ᠠᠵᠢᠯᠯᠠᠭᠠᠨ ᠢ ᠥᠷᠨᠢᠭᠦᠯᠦᠨ᠂ ᠦᠨᠳᠦᠰᠦᠲᠡᠨ ᠤ ᠰᠤᠷᠭᠠᠨ ᠬᠦᠮᠦᠵᠢᠯ ᠢ | ᠡᠩ ᠲᠡᠷᠢᠭᠦᠨ ᠳᠤ ᠭᠤᠣᠯᠳᠠᠯᠭ᠎ᠠ ᠲᠠᠢ ᠬᠦᠭᠵᠢᠭᠦᠯᠵᠦ᠂ ᠣᠨᠴᠠᠭᠠᠢ ᠰᠤᠷᠭᠠᠨ ᠬᠦᠮᠦᠵᠢᠯ ᠢ ᠰᠠᠶᠢᠲᠤᠷ ᠡᠷᠬᠢᠯᠡᠨ᠂ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠢ | ᠳᠡᠮᠵᠢᠬᠦ ᠪᠠ ᠵᠢᠷᠤᠮᠵᠢᠭᠤᠯᠤᠨ᠎ᠠ᠃ ᠦᠷᠭᠦᠯᠵᠢᠯᠡᠭᠰᠡᠨ ᠰᠤᠷᠭᠠᠨ ᠬᠦᠮᠦᠵᠢᠯ᠂ ᠨᠡᠶᠢᠭᠡᠮ ᠲᠣᠭᠤᠷᠢᠭ ᠤᠨ ᠰᠤᠷᠭᠠᠨ ᠬᠦᠮᠦᠵᠢᠯ᠂ ᠨᠠᠰᠤᠲᠠᠶᠢᠴᠤᠳ ᠤᠨ ᠰᠤᠷᠭᠠᠨ | ᠬᠦᠮᠦᠵᠢᠯ ᠢ ᠬᠦᠭᠵᠢᠭᠦᠯᠦᠨ᠂ ᠨᠠᠰᠤᠨ ᠲᠤᠷᠰᠢᠳᠠ ᠰᠤᠷᠤᠯᠴᠠᠬᠤ ᠰᠤᠷᠭᠠᠨ ᠬᠦᠮᠦᠵᠢᠯ ᠤᠨ ᠰᠢᠰᠲ᠋ᠧᠮᠵᠢ ᠶᠢ ᠪᠠᠶᠢᠭᠤᠯᠤᠨ᠎ᠠ᠃ ᠥᠪᠥᠷ ᠮᠣᠩᠭᠤᠯ ᠤᠨ ᠨᠡᠶᠢᠭᠡᠮ ᠵᠢᠷᠤᠮᠲᠦ | ᠲᠡᠬᠡᠳᠦ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠢ ᠪᠦᠲᠦᠭᠡᠨ ᠪᠠᠶᠢᠭᠤᠯᠤᠨ᠎ᠠ᠃ | ᠡᠷᠡᠭᠦᠯ ᠡᠩᠬᠡ ᠥᠪᠥᠷ ᠮᠣᠩᠭᠤᠯ ᠢ ᠪᠠᠶᠢᠭᠤᠯᠬᠤ ᠠᠵᠢᠯᠯᠠᠭᠠᠨ ᠢ ᠬᠡᠷᠡᠭᠵᠢᠭᠦᠯᠦᠨ᠎ᠡ᠃ ᠡᠮᠴᠢᠯᠡᠭᠡ᠂ ᠡᠮᠴᠢᠯᠡᠬᠡᠨ ᠤ ᠳᠠᠭᠠᠳᠬᠠᠯ᠂ ᠡᠮ ᠡᠮᠨᠡᠯᠭᠡ ᠶᠢᠨ | ᠬᠤᠯᠪᠣᠭᠠᠯᠠᠨ ᠬᠦᠳᠡᠯᠥᠯᠴᠡᠬᠦ ᠶᠢ ᠭᠦᠨᠵᠡᠭᠡᠶᠢᠷᠡᠭᠦᠯᠵᠦ᠂ ᠬᠤᠲᠠ ᠶᠢᠨ ᠡᠮᠴᠢᠯᠡᠭᠡᠨ ᠤ ᠪᠦᠯᠦᠭᠯᠡᠯ ᠪᠠ ᠬᠤᠰᠢᠭᠤ ᠰᠢᠶᠠᠨ ᠤ ᠬᠡᠪᠴᠢᠶᠡᠨ ᠳᠠᠬᠢ ᠡᠮᠴᠢᠯᠡᠭᠡᠨ ᠤ ᠬᠠᠮᠲᠤ | ᠴᠣᠭᠴᠠ ᠶᠢ ᠪᠠᠶᠢᠭᠤᠯᠤᠨ᠂ ᠱᠠᠲᠦ ᠬᠤᠪᠢᠶᠠᠨ ᠤᠨᠤᠰᠢᠯᠠᠨ ᠡᠮᠴᠢᠯᠡᠬᠦ ᠳᠦᠷᠢᠮ ᠢ ᠲᠡᠭᠦᠯᠳᠡᠷᠵᠢᠭᠦᠯᠵᠦ᠂ ᠬᠦᠳᠡᠭᠡ ᠲᠤᠰᠬᠤᠨ ᠤ ᠡᠮᠴᠢ ᠶᠢᠨ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠨ᠂ ᠨᠡᠶᠢᠭᠡᠮ ᠲᠤᠭᠤᠷᠢᠭ ᠤᠨ ᠡᠮᠴᠢᠯᠡᠭᠡ ᠪᠠ ᠠᠯᠤᠰ ᠡᠮᠴᠢᠯᠡᠭᠡᠨ ᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠦᠨᠳᠦ | ᠬᠠᠯᠳᠠᠪᠤᠷᠢᠲᠤ ᠡᠪᠡᠳᠴᠢᠨ᠂ ᠣᠷᠣᠨ ᠨᠤᠲᠤᠭ ᠤᠨ ᠡᠪᠡᠳᠴᠢᠨ᠂ ᠠᠵᠢᠯ ᠤᠨ ᠨᠦᠯᠦᠭᠡᠨ ᠤ ᠡᠪᠡᠳᠴᠢᠨ᠂ ᠬᠡᠦᠬᠡᠳ ᠪᠠᠭᠠᠴᠤᠳ ᠤᠨ ᠣᠶᠢᠷ᠎ᠠ ᠬᠠᠷᠠᠭ᠎ᠠ ᠲᠠᠢ ᠪᠣᠯᠬᠤ ᠶᠢ | ᠰᠡᠷᠭᠡᠶᠢᠯᠡᠨ ᠡᠵᠡᠮᠰᠢᠬᠦ ᠠᠵᠢᠯ ᠢ ᠰᠠᠶᠢᠲᠤᠷ ᠬᠢᠨ᠎ᠡ᠃ ᠬᠦᠨᠳᠦ ᠡᠪᠡᠳᠴᠢᠨ ᠳᠤ ᠬᠡᠷᠡᠭᠯᠡᠬᠦ ᠡᠮ ᠢ ᠡᠮᠴᠢᠯᠡᠬᠡᠨ ᠤ ᠳᠠᠭᠠᠳᠬᠠᠯ ᠳᠤ ᠣᠷᠤᠭᠤᠯᠤᠨ᠎ᠠ᠃ ᠮᠣᠩᠭᠤᠯ ᠬᠢᠲᠠᠳ | ᠡᠮᠨᠡᠯᠭᠡ ᠶᠢᠨ ᠬᠤᠷᠢᠶᠠᠨ ᠤ ᠰᠠᠭᠤᠷᠢ ᠪᠡᠯᠡᠳᠭᠡᠮᠵᠢ ᠪᠠ ᠮᠡᠳᠡᠭᠡ ᠵᠠᠩᠬᠢᠴᠢᠯᠠᠯᠳᠠ ᠶᠢᠨ ᠪᠠᠶᠢᠭᠤᠯᠤᠯᠲᠠ ᠶᠢ ᠲᠦᠷᠭᠡᠳᠭᠡᠨ᠎ᠡ᠃ ᠪᠦᠬᠦ ᠠᠷᠠᠳ ᠢᠶᠠᠷ ᠢᠶᠠᠨ ᠪᠡᠶ᠎ᠡ ᠪᠠᠨ | ᠴᠢᠬᠢᠷᠬᠠᠵᠢᠭᠤᠯᠬᠤ ᠪᠠ ᠪᠦᠬᠦ ᠠᠷᠠᠳ ᠢᠶᠠᠷ ᠢᠶᠠᠨ ᠡᠷᠡᠭᠦᠯ ᠴᠢᠬᠢᠷᠠᠭ ᠪᠠᠶᠢᠬᠤ ᠶᠢᠨ ᠠᠭᠤᠰᠤᠯᠴᠠᠨ ᠬᠦᠭᠵᠢᠬᠦ ᠶᠢ ᠠᠬᠢᠭᠤᠯᠤᠨ᠂ ᠠᠷᠪᠠᠨ ᠳᠦᠷᠪᠡᠳᠦᠭᠡᠷ ᠬᠤᠭᠤᠴᠠᠭᠠᠨ ᠤ | ᠪᠦᠬᠦ ᠤᠯᠤᠰ ᠤᠨ ᠡᠪᠣᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠰᠠᠶᠢᠲᠤᠷ ᠡᠷᠬᠢᠯᠡᠨ᠎ᠡ᠃ | ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠭᠡᠳᠭᠡᠵᠦ᠂ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠰᠠᠭᠤᠷᠢ ᠮᠥᠩᠭᠦᠨ ᠤ | ᠲᠠᠯ᠎ᠠ ᠳᠤ ᠥᠪᠡᠷᠲᠡᠭᠡᠨ ᠵᠠᠰᠠᠬᠤ ᠣᠷᠣᠨ ᠤ ᠳᠡᠰ ᠤᠨ ᠨᠢᠭᠡᠳᠦᠯᠲᠡᠢ ᠬᠤᠷᠢᠶᠠᠵᠤ ᠨᠢᠭᠡᠳᠦᠯᠲᠡᠢ ᠵᠠᠷᠤᠬᠤ ᠪᠠ ᠠᠵᠢᠯ ᠠᠴᠠ ᠪᠣᠯᠣᠭᠰᠠᠨ ᠭᠡᠮᠳᠥᠯ ᠤᠨ ᠳᠠᠭᠠᠳᠬᠠᠯ ᠤᠨ | ᠲᠠᠯ᠎ᠠ ᠳᠤ ᠥᠪᠡᠷᠲᠡᠭᠡᠨ ᠵᠠᠰᠠᠬᠤ ᠣᠷᠣᠨ ᠤ ᠳᠡᠰ ᠤᠨ ᠨᠢᠭᠡᠳᠦᠯᠲᠡᠢ ᠲᠥᠯᠥᠪᠯᠡᠬᠦ ᠶᠢ ᠪᠡᠶᠡᠯᠡᠭᠦᠯᠦᠨ᠂ ᠨᠠᠰᠤᠵᠢᠯ ᠤᠨ ᠠᠰᠠᠷᠠᠮᠵᠢ ᠶᠢᠨ ᠮᠦᠩᠭᠦ ᠶᠢ ᠴᠠᠭ ᠲᠤᠬᠠᠢ ᠳᠤ ᠨᠢ | ᠲᠤᠭ᠎ᠠ ᠶᠤᠰᠤᠭᠠᠷ ᠭᠦᠢᠴᠡᠳ ᠣᠯᠭᠤᠬᠤ ᠶᠢ ᠪᠠᠲᠤᠯᠠᠨ᠎ᠠ᠃ ᠬᠤᠲᠠ ᠭᠦᠳᠡᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ᠂ ᠨᠡᠶᠢᠭᠡᠮ ᠤᠨ ᠠᠪᠤᠷᠠᠯ ᠲᠤᠰᠠᠯᠠᠮᠵᠢ᠂ | ᠨᠡᠶᠢᠭᠡᠮ ᠤᠨ ᠠᠰᠠᠷᠠᠮᠵᠢ᠂ ᠠᠰᠠᠷᠠᠨ ᠬᠠᠷᠠᠭᠠᠯᠵᠠᠵᠤ ᠲᠦᠪᠬᠢᠨᠡᠭᠦᠯᠬᠦ ᠵᠡᠷᠭᠡ ᠳᠥᠷᠢᠮ ᠢ ᠲᠡᠭᠦᠯᠳᠡᠷᠵᠢᠭᠦᠯᠦᠨ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ | ᠠᠮᠢᠳᠤᠷᠠᠯ ᠢ ᠪᠠᠲᠤᠯᠠᠵᠤ᠂ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢᠶᠠᠨ ᠴᠠᠭ ᠲᠤᠬᠠᠢ ᠳᠤ ᠨᠢ ᠲᠤᠭ᠎ᠠ ᠶᠤᠰᠤᠭᠠᠷ ᠭᠦᠢᠴᠡᠳ ᠣᠯᠬᠤ ᠶᠢ ᠪᠠᠲᠤᠯᠠᠨ᠎ᠠ ᠃ | ᠴᠡᠷᠢᠭ ᠤᠨ ᠠᠯᠪᠠ ᠠᠴᠠ ᠬᠠᠯᠬᠠᠳ᠋ᠬᠠᠰᠠᠳ ᠤᠨ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠎ᠡ᠃ ᠨᠡᠶᠢᠭᠡᠮ ᠤᠨ | ᠵᠣᠬᠢᠶᠠᠨ ᠪᠠᠶᠢᠭᠤᠯᠤᠯᠳᠠ᠂ ᠬᠦᠮᠦᠯᠢᠭ ᠠᠪᠤᠷᠠᠯ ᠲᠤᠰᠠᠯᠠᠮᠵᠢ᠂ ᠰᠠᠶᠢᠨ ᠲᠤᠷ᠎ᠠ ᠶᠢᠨ ᠦᠢᠯᠡᠴᠢᠯᠡᠭᠡ ᠪᠠ ᠨᠢᠭᠦᠯᠡᠰᠦᠩᠭᠦᠢ ᠶᠢᠨ ᠠᠵᠢᠯ ᠦᠢᠯᠡᠰ ᠤᠨ ᠡᠷᠡᠭᠦᠯ ᠢᠶᠠᠷ | ᠭᠦᠭᠵᠢᠬᠦ ᠶᠢ ᠳᠡᠮᠵᠢᠨ᠎ᠡ᠃ ᠡᠮᠡᠭᠲᠡᠶᠢᠴᠤᠳ ᠤᠨ ᠬᠠᠮᠢᠶ᠎ᠠ ᠪᠦᠬᠦᠢ ᠠᠵᠢᠯ ᠤᠨ ᠬᠦᠭᠵᠢᠯᠲᠡ ᠶᠢᠨ ᠬᠦᠲᠦᠯᠪᠦᠷᠢ ᠪᠠ ᠬᠡᠦᠬᠡᠳ ᠤᠨ ᠦᠰᠦᠯᠲᠡ ᠪᠤᠶᠢᠵᠢᠯᠲᠡ ᠶᠢᠨ | ᠬᠦᠲᠦᠯᠪᠦᠷᠢ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠦ᠂ ᠡᠮᠡᠭᠲᠡᠶᠢᠴᠦᠳ᠂ ᠬᠡᠦᠬᠡᠳ ᠪᠠᠭᠠᠴᠤᠳ᠂ ᠨᠠᠰᠤᠲᠠᠶᠢᠴᠤᠳ ᠪᠠ ᠵᠡᠮᠳᠡᠭᠴᠦᠳ ᠤᠨ ᠬᠠᠤᠯᠢ ᠶᠤᠰᠤᠨ ᠤ ᠡᠷᠬᠡ | ᠠᠰᠢᠭ ᠢ ᠪᠠᠲᠤᠯᠠᠨ᠎ᠠ᠃ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠨ᠎ᠡ᠃ | ᠭᠡᠷ ᠪᠠᠶᠢᠰᠢᠩ ᠭᠠᠵᠠᠷ ᠬᠦᠷᠦᠩᠭᠡ ᠶᠢᠨ ᠥᠩᠭᠡᠷᠡᠭᠰᠡᠨ ᠤ ᠦᠯᠡᠳᠡᠭᠳᠡᠯ ᠠᠰᠠᠭᠤᠳᠠᠯ ᠤᠳ ᠢ ᠦᠷᠭᠦᠯᠵᠢᠯᠡᠨ ᠰᠢᠢᠳᠪᠦᠷᠢᠯᠡᠵᠤ᠂ ᠬᠤᠲᠠ ᠪᠠᠯᠭᠠᠰᠤᠨ ᠤ | ᠬᠠᠭᠤᠴᠢᠷᠠᠭᠰᠠᠨ ᠪᠠ ᠬᠠᠭᠤᠴᠢᠨ ᠰᠠᠭᠤᠭᠠᠯᠢ ᠲᠣᠭᠤᠷᠢᠭ ᠤᠳ ᠢ ᠦᠬᠡᠷᠡᠴᠢᠯᠡᠨ ᠰᠢᠨᠡᠳᠬᠡᠵᠦ᠂ ᠬᠤᠲᠠ ᠶᠢᠨ ᠬᠦᠴᠢᠷᠳᠡᠯᠲᠡᠢ ᠣᠯᠠᠨ ᠲᠦᠮᠡᠨ ᠤ ᠣᠷᠣᠨ | ᠰᠠᠭᠤᠴᠠ ᠶᠢᠨ ᠪᠠᠲᠤᠯᠠᠬᠤ ᠠᠵᠢᠯ ᠢ ᠰᠠᠶᠢᠲᠤᠷ ᠬᠢᠵᠦ᠂ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠦᠬᠡᠳ ᠡᠷᠡᠭᠦᠯ ᠢᠶᠠᠷ | ᠭᠦᠭᠵᠢᠬᠦ ᠶᠢ ᠠᠬᠢᠭᠤᠯᠤᠨ᠎ᠠ᠃ | ᠱᠠᠰᠢᠨ ᠰᠤᠷᠲᠠᠬᠤᠨ ᠤ ᠠᠵᠢᠯ ᠤᠨ ᠲᠤᠬᠠᠢ ᠨᠠᠮ ᠤᠨ ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠱᠠᠰᠢᠨ ᠰᠤᠷᠲᠠᠬᠤᠨ ᠤ ᠶᠠᠪᠤᠳᠠᠯ ᠢ | ᠬᠠᠤᠯᠢ ᠶᠣᠰᠤᠭᠠᠷ ᠬᠠᠮᠢᠶᠠᠷᠴᠤ᠂ ᠠᠵᠤ ᠠᠬᠤᠢ ᠨᠡᠶᠢᠭᠡᠮ ᠤᠨ ᠬᠦᠭᠵᠢᠯᠲᠡ ᠳᠤ ᠦᠵᠡᠬᠦᠯᠬᠦ ᠱᠠᠰᠢᠨ ᠤ ᠡᠲᠡᠭᠡᠳ ᠤᠨ ᠬᠢᠨ ᠪᠠ ᠱᠠᠰᠢᠨ ᠰᠢᠲᠦᠬᠦ ᠤᠯᠠᠨ ᠲᠦᠮᠡᠨ ᠤ | ᠢᠳᠡᠪᠬᠢ ᠦᠢᠯᠡᠳᠦᠯ ᠢ ᠪᠠᠳᠠᠷᠠᠭᠤᠯᠤᠨ᠎ᠠ᠃ | ᠤᠯᠤᠰ ᠤᠨ ᠪᠠᠲᠤᠯᠠᠨ ᠬᠠᠮᠠᠭᠠᠯᠠᠯᠳᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠲᠠᠶᠢᠴᠢᠯᠠᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠦᠮᠦᠵᠢᠯ ᠪᠠ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠢ ᠴᠢᠩᠭᠠᠳᠬᠠᠨ᠎ᠠ᠃ | | ᠨᠡᠶᠢᠭᠡᠮ ᠤᠨ ᠵᠠᠰᠠᠯᠲᠠ ᠳᠤ ᠰᠢᠨ᠎ᠡ ᠶᠢ ᠡᠭᠦᠳᠴᠦ᠂ ᠨᠡᠶᠢᠭᠡᠮ ᠤᠨ ᠠᠮᠤᠷ ᠢ ᠬᠠᠮᠠᠭᠠᠯᠠᠬᠤ ᠲᠠᠯ᠎ᠠ ᠳᠤ ᠪᠤᠰᠤᠭ᠎ᠠ ᠴᠤᠨᠨᠴᠠᠵᠢᠭᠤᠯᠤᠨᠨᠰᠠᠨ ᠮᠡᠳᠡᠭᠡ ᠵᠠᠩᠬᠢᠴᠢᠯᠬᠠᠰᠠᠨ | ᠰᠡᠷᠭᠡᠶᠢᠯᠡᠨ ᠡᠵᠡᠮᠰᠢᠬᠦ ᠰᠢᠰᠲ᠋ᠧᠮᠵᠢ ᠶᠢ ᠪᠦᠷᠢᠨᠰᠢᠭᠦᠯᠵᠣ᠂ ᠵᠠᠬᠢᠳᠠᠯ ᠰᠤᠷᠪᠤᠯᠵᠢᠯᠠᠯ ᠤᠨ ᠠᠵᠢᠯ ᠢᠶᠠᠨ ᠬᠠᠤᠯᠢᠵᠢᠭᠤᠯᠬᠤ ᠶᠢ ᠠᠬᠢᠭᠤᠯᠤᠨ᠎ᠠ᠃ ᠣᠯᠠᠨ ᠨᠡᠶᠢᠲᠡ ᠶᠢᠨ | ᠬᠠᠤᠯᠢ ᠴᠠᠭᠠᠵᠠ ᠶᠢᠨ ᠦᠢᠯᠡᠴᠢᠯᠡᠭᠡ ᠶᠢ ᠴᠢᠩᠭᠠᠳᠬᠠᠵᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠦᠮᠦᠵᠢᠯ ᠢ ᠭᠦᠨᠵᠡᠭᠡᠶᠢᠷᠡᠭᠦᠯᠦᠨ᠎ᠡ᠃ ᠬᠠᠷ᠎ᠠ ᠪᠦᠯᠦᠭᠲᠡᠨ ᠬᠠᠷᠬᠢᠰ | ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠭᠦᠨᠵᠡᠭᠡᠶᠢᠷᠡᠭᠦᠯᠦᠨ᠎ᠡ᠃ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠳᠠᠯᠠᠵᠤ᠂ ᠣᠨᠴᠠ ᠬᠦᠨᠳᠦ ᠶᠡᠭᠡ | ᠠᠳᠡᠯ ᠭᠠᠷᠬᠤ ᠶᠢ ᠰᠡᠷᠬᠡᠶᠢᠯᠡᠨ ᠬᠤᠷᠢᠨᠨᠯᠠᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠭᠠᠮᠰᠢᠭ ᠢ | ᠰᠡᠷᠬᠡᠶᠢᠯᠡᠵᠦ ᠭᠠᠮᠰᠢᠭ ᠢ ᠪᠠᠭᠠᠰᠬᠠᠬᠤ ᠪᠠ ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠢᠳᠡᠭᠡᠨ ᠤ ᠪᠠ ᠡᠮ ᠤᠨ ᠵᠦᠢᠯ ᠤᠨ ᠠᠮᠤᠷ ᠲᠦᠪᠰᠢᠨ ᠪᠠ | ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠦ᠂ ᠠᠷᠠᠳ ᠲᠦᠮᠡᠨ ᠤ ᠪᠡᠶ᠎ᠡ ᠮᠠᠬᠠᠪᠤᠳ ᠤᠨ ᠡᠷᠡᠭᠦᠯ ᠴᠢᠬᠢᠷᠠᠭ ᠪᠠ ᠠᠮᠢ ᠨᠠᠰᠤᠨ ᠤ ᠠᠮᠤᠷ ᠲᠦᠪᠰᠢᠨ ᠢ | ᠪᠠᠲᠤᠯᠠᠨ᠎ᠠ᠃ ᠭᠠᠵᠠᠷ ᠰᠢᠨᠵᠢᠯᠡᠭᠡᠨ᠂ ᠴᠠᠭ ᠠᠭᠤᠷ᠂ ᠬᠡᠮᠵᠢᠨ ᠵᠢᠷᠤᠬᠤ ᠵᠡᠷᠭᠡ ᠠᠵᠢᠯ ᠢ ᠰᠠᠶᠢᠲᠤᠷ ᠬᠢᠨ᠎ᠡ᠃ | ︽ᠠᠷᠪᠠᠨ ᠳᠦᠷᠪᠡᠳᠦᠭᠡᠷ ᠲᠠᠪᠤᠨ ᠵᠢᠯ︾ ᠤᠨ ᠲᠦᠯᠦᠪᠵᠢᠬᠦᠯᠬᠡ ᠶᠢᠨ ᠬᠤᠭᠤᠴᠠᠭ᠎ᠠ ᠪᠣᠯ ᠬᠦᠭᠵᠢᠯᠲᠡ ᠶᠢᠨ ᠠᠷᠭ᠎ᠠ ᠬᠡᠯᠪᠡᠷᠢ ᠪᠠᠨ ᠬᠤᠪᠢᠷᠠᠭᠤᠯᠵᠦ᠂ ᠠᠵᠤ | ᠠᠬᠤᠢ ᠶᠢᠨ ᠪᠦᠲᠦᠴᠡ ᠪᠠᠨ ᠰᠢᠯᠢᠳᠡᠭᠵᠢᠬᠦᠯᠦᠨ᠂ ᠨᠡᠮᠡᠭᠳᠡᠯ ᠤᠨ ᠭᠦᠳᠡᠯᠬᠡᠭᠴᠢ ᠬᠦᠴᠦᠨ ᠢᠶᠠᠨ ᠬᠤᠪᠢᠷᠠᠭᠤᠯᠬᠤ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠃ ᠪᠢᠳᠡ | ᠭᠦᠢᠴᠡᠳ ᠰᠠᠨᠠᠯ ᠬᠤᠷᠢᠶᠠᠨ᠂ ᠭᠦᠨᠵᠡᠬᠡᠢ ᠰᠤᠳᠤᠯᠤᠨ ᠨᠤᠳᠠᠯᠠᠵᠦ᠂ ︽ᠠᠷᠪᠠᠨ ᠳᠦᠷᠪᠡᠳᠦᠭᠡᠷ ᠲᠠᠪᠤᠨ ᠵᠢᠯ︾ ᠤᠨ ᠬᠦᠭᠵᠢᠯᠲᠡ ᠶᠢᠨ ᠲᠥᠯᠥᠪᠵᠢᠭᠦᠯᠭᠡ ᠶᠢ | ᠴᠢᠨᠠᠷ ᠲᠠᠢ ᠰᠠᠶᠢᠲᠤᠷ ᠨᠠᠶᠢᠷᠠᠭᠤᠯᠤᠨ ᠵᠣᠬᠢᠶᠠᠨ᠎ᠠ᠃ | ᠭᠤᠷᠪᠠ᠂ ᠵᠠᠰᠠᠭ ᠤᠨ ᠤᠷᠳᠤᠨ ᠤ ᠵᠠᠰᠠᠯᠳᠠ ᠶᠢᠨ ᠴᠢᠳᠠᠪᠤᠷᠢ ᠶᠢ ᠪᠥᠬᠦ ᠲᠠᠯ᠎ᠡ ᠪᠠᠷ ᠳᠡᠭᠡᠭᠰᠢᠯᠡᠭᠦᠯᠥᠨ᠎ᠡ | ᠪᠢᠳᠠᠨ ᠤ ᠵᠠᠰᠠᠭ ᠤᠨ ᠤᠷᠳᠤᠨ ᠪᠤᠯ ᠠᠷᠠᠳ ᠲᠥᠮᠡᠨ ᠤ ᠵᠠᠰᠠᠭ ᠤᠨ ᠤᠷᠳᠤᠨ ᠮᠥᠨ᠂ ᠡᠷᠬᠡᠪᠰᠢ ᠠᠷᠠᠳ ᠲᠥᠮᠡᠨ ᠳᠤ ᠥᠢᠯᠡᠴᠢᠯᠡᠬᠦ᠂ ᠠᠷᠠᠳ ᠲᠥᠮᠡᠨ ᠳᠤ | ᠬᠠᠷᠢᠭᠤᠴᠠᠬᠤ᠂ ᠠᠷᠠᠳ ᠲᠥᠮᠡᠨ ᠤ ᠬᠢᠨᠠᠯᠲᠠ ᠶᠢ ᠬᠥᠯᠢᠶᠡᠬᠦ ᠶᠢ ᠢᠮᠠᠭᠲᠠ ᠪᠠᠷᠢᠮᠲᠠᠯᠠᠵᠣ᠂ ᠠᠷᠠᠳ ᠲᠥᠮᠡᠨ ᠳᠤ ᠲᠠᠭᠠᠰᠢᠶᠠᠭᠳᠠᠭᠰᠠᠨ ᠦᠢᠯᠡᠴᠢᠯᠡᠬᠦ ᠬᠡᠯᠪᠡᠷᠢ ᠪᠦᠬᠦᠢ | ᠵᠠᠰᠠᠭ ᠤᠨ ᠤᠷᠳᠤᠨ ᠢ ᠴᠢᠷᠮᠠᠶᠢᠨ ᠪᠠᠶᠢᠭᠤᠯᠬᠤ ᠬᠡᠷᠡᠭᠲᠡᠢ᠃ | ᠪᠢᠳᠠ ︽ᠳᠥᠷᠪᠡᠨ ᠥᠵᠡᠯ ᠤᠬᠠᠮᠰᠠᠷ︾ ᠢᠶᠠᠨ ᠴᠢᠩᠭᠠᠳᠬᠠᠵᠦ᠂ ︽ᠳᠥᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ | ᠪᠡᠶᠡᠯᠡᠭᠦᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠥᠷᠢᠲᠥ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠣ | ᠪᠤᠲᠠᠲᠠᠶᠢᠵᠢᠭᠤᠯᠬᠤ ᠶᠢ ᠪᠠᠲᠤᠯᠠᠵᠤ᠂ ᠵᠠᠷᠯᠢᠭ ᠴᠠᠭᠠᠵᠠ ᠶᠢ ᠳᠠᠭᠠᠵᠤ᠂ ᠵᠠᠰᠠᠭ ᠤᠨ ᠵᠠᠷᠯᠢᠭ ᠤᠨ ᠰᠠᠭᠠᠳ ᠥᠭᠡᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ | ᠪᠢᠳᠡ ᠡᠭᠦᠷᠭᠡ ᠲᠤᠰᠢᠶᠠᠯ ᠢᠶᠠᠨ ᠬᠠᠤᠯᠢ ᠶᠤᠰᠤᠭᠠᠷ ᠭᠦᠢᠴᠡᠳᠬᠡᠬᠦ ᠶᠢ ᠪᠠᠷᠢᠮᠲᠠᠯᠠᠵᠣ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠪᠠᠨ ᠳᠡᠭᠡᠭᠰᠢᠯᠡᠭᠦᠯᠵᠦ᠂ | ᠬᠠᠤᠯᠢᠵᠢᠯ ᠤᠨ ᠵᠠᠰᠠᠭ ᠤᠨ ᠣᠷᠳᠤᠨ ᠢ ᠪᠠᠶᠢᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ | ᠲᠠᠯᠪᠢᠯᠲᠠ ᠶᠢ ᠬᠠᠤᠯᠢ ᠶᠤᠰᠤᠭᠠᠷ ᠬᠥᠯᠢᠶᠡᠵᠤ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠲᠠᠯᠪᠢᠯᠲᠠ ᠶᠢ ᠤᠬᠠᠮᠰᠠᠷ ᠠᠴᠠ ᠪᠠᠨ ᠬᠦᠯᠢᠶᠡᠨ᠂ | ᠬᠢᠨᠠᠨ ᠪᠣᠳᠤᠯᠲᠠ ᠪᠠᠷ ᠬᠢᠨᠡᠯᠲᠠ ᠲᠠᠯᠪᠢᠬᠤ ᠪᠠᠨ ᠴᠢᠩᠭᠠᠷᠠᠭᠤᠯᠵᠤ᠂ ᠨᠡᠶᠢᠭᠡᠮ ᠤᠨ ᠪᠠ ᠶᠠᠷᠢᠶ᠎ᠡ ᠬᠡᠯᠡᠯᠴᠡᠭᠡᠨ ᠤ ᠬᠢᠨᠡᠯᠲᠠ ᠲᠠᠯᠪᠢᠯᠲᠠ ᠶᠢ ᠰᠠᠨᠠᠭᠠᠴᠢᠯᠠᠭ᠎ᠠ ᠠᠴᠠ ᠪᠠᠨ | ᠬᠥᠯᠢᠶᠡᠨ᠎ᠡ᠃ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠭᠦᠨᠵᠡᠭᠡᠶᠢᠷᠡᠭᠦᠯᠦᠨ᠂ ᠵᠠᠰᠠᠭ ᠤᠨ ᠤᠷᠳᠤᠨ ᠤ ᠰᠤᠨᠢᠨ ᠮᠡᠳᠡᠭᠡ ᠨᠡᠶᠢᠲᠡᠯᠡᠬᠦ ᠳᠥᠷᠢᠮ ᠢ ᠲᠡᠭᠦᠯᠳᠡᠷᠵᠢᠭᠦᠯᠵᠣ | ᠂ ᠬᠠᠤᠯᠢ ᠶᠤᠰᠤᠭᠠᠷ ᠠᠮᠠᠯᠠᠭᠰᠠᠨ ᠢᠶᠠᠨ ᠬᠢᠨᠠᠮᠠᠭᠠᠢ ᠭᠦᠢᠴᠡᠳᠭᠡᠵᠦ᠂ ᠦᠨᠡᠨᠴᠢ ᠢᠲᠡᠭᠡᠮᠵᠢᠲᠡᠢ ᠵᠠᠰᠠᠭ ᠤᠨ ᠤᠷᠳᠤᠨ ᠢ ᠪᠠᠶᠢᠭᠤᠯᠤᠨ᠎ᠠ᠃ | ᠪᠢᠳᠠ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠣ᠂ ᠠᠷᠢᠭᠤᠨ ᠴᠢᠭᠡᠴᠢ ᠵᠠᠰᠠᠭ ᠤᠨ ᠣᠷᠳᠤᠨ ᠢ ᠪᠠᠶᠢᠭᠤᠯᠤᠨ᠎ᠠ᠃ | ᠬᠡᠯᠪᠡᠷᠢᠴᠢ ᠥᠵᠡᠯ᠂ ᠨᠤᠶᠠᠨᠴᠢ ᠰᠤᠷᠲᠠᠯ ᠢ ᠡᠷᠡᠰ ᠡᠰᠡᠷᠭᠦᠴᠡᠨ᠎ᠠ᠃ ᠠᠷᠪᠢᠲᠠᠢ ᠭᠠᠮᠲᠠᠢ ᠠᠮᠢᠳᠤᠷᠠᠬᠤ ᠶᠢ ᠪᠠᠷᠢᠮᠲᠠᠯᠠᠵᠤ᠂ ᠠᠯᠢᠪᠠ ᠠᠵᠢᠯ ᠦᠢᠯᠡᠰ ᠢ ᠠᠷᠪᠢᠴᠢ | ᠭᠠᠮᠲᠠᠢ ᠪᠠᠷ ᠭᠦᠢᠴᠡᠳᠭᠡᠵᠦ᠂ ᠥᠨᠥ ᠵᠢᠯ ᠳᠤ ᠥᠪᠡᠷᠲᠡᠭᠡᠨ ᠵᠠᠰᠠᠬᠤ ᠤᠷᠤᠨ ᠤ ᠲᠤᠰ ᠱᠠᠲᠤᠨ ᠤ ᠲᠤᠰᠬᠠᠢ ᠵᠥᠢᠯ ᠤᠨ ᠲᠤᠬᠠᠶᠢᠯᠠᠭᠰᠠᠨ ᠠᠵᠢᠯ ᠤᠨ ᠵᠠᠷᠤᠳᠠᠯ ᠢ | 10% ᠪᠠᠭᠤᠷᠠᠭᠤᠯᠵᠤ᠂ ᠭᠤᠣᠯᠳᠠᠯᠭ᠎ᠠ ᠶᠢᠨ ᠪᠤᠰᠤ ᠲᠤᠰᠬᠠᠢ ᠵᠥᠢᠯ ᠤᠨ ᠪᠡᠯᠡ ᠮᠥᠩᠬᠦ ᠶᠢ 20% ᠪᠠᠭᠠᠰᠬᠠᠨ᠎ᠠ᠃ | ᠪᠢᠳᠡ ᠬᠠᠷᠢᠭᠤᠴᠠᠯᠭ᠎ᠠ ᠡᠭᠦᠷᠭᠡᠯᠡᠯ ᠢᠶᠠᠨ ᠦᠨᠡᠨ ᠬᠦ ᠴᠢᠩᠭᠠᠷᠠᠭᠤᠯᠤᠨ᠂ ᠥᠨᠡᠨ ᠢ ᠪᠠᠷᠢᠮᠲᠠᠯᠠᠨ ᠪᠤᠲᠠᠲᠠᠢ ᠶᠢ ᠡᠷᠬᠢᠮᠯᠡᠬᠦ ᠰᠤᠷᠲᠠᠯ ᠢᠶᠠᠷ ᠠᠰᠠᠭᠤᠳᠠᠯ ᠢ ᠨᠢᠭᠲᠠ | ᠴᠢᠩᠭ᠎ᠠ ᠠᠩᠬᠠᠷᠤᠨ ᠮᠦᠷᠳᠡᠵᠦ᠂ ᠠᠵᠢᠯ ᠢᠶᠠᠨ ᠯᠠᠪᠳᠠᠭᠤᠨ ᠪᠠᠲᠤᠲᠠᠢ ᠪᠤᠲᠠᠲᠠᠶᠢᠵᠢᠭᠤᠯᠤᠨ ᠪᠡᠶᠡᠯᠡᠭᠦᠯᠵᠦ᠂ ︽ᠡᠴᠦᠰ ᠤᠨ ᠨᠢᠭᠡ ᠺᠢᠯᠥᠮᠧᠲᠷ︾ ᠤᠨ ᠠᠰᠠᠭᠤᠳᠠᠯ ᠢ | ᠰᠠᠶᠢᠲᠤᠷ ᠰᠢᠢᠳᠪᠥᠷᠢᠯᠡᠨ᠎ᠡ᠃ | ᠲᠦᠯᠦᠭᠡᠯᠡᠭᠴᠢᠳ ᠡ︕ ᠥᠪᠥᠷ ᠮᠤᠩᠭᠤᠯ ᠪᠤᠯ ᠮᠠᠨ ᠤ ᠤᠯᠤᠰ ᠤᠨ ᠥᠨᠳᠥᠰᠥᠲᠡᠨ ᠤ ᠤᠷᠤᠨ ᠤ ᠥᠪᠡᠷᠲᠡᠭᠡᠨ ᠵᠠᠰᠠᠬᠤ ᠳᠦᠷᠢᠮ ᠢ ᠡᠬᠢᠯᠡᠨ | ᠬᠡᠷᠡᠭᠵᠢᠭᠦᠯᠦᠭᠰᠡᠨ ᠭᠠᠵᠠᠷ ᠪᠥᠭᠡᠳ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠤᠷᠤᠨ ᠪᠣᠯᠬᠤᠷ᠂ ᠥᠨᠳᠥᠰᠥᠳᠡᠨ ᠤ ᠪᠦᠯᠬᠦᠮᠳᠡᠯ ᠤᠨ ᠢᠷᠡᠭᠤ ᠠᠯᠲᠠᠷᠲᠤ | ᠤᠳᠤᠮᠰᠢᠯ ᠲᠠᠢ ᠶᠤᠮ᠃ ᠰᠢᠨ᠎ᠡ ᠴᠠᠭ ᠥᠶ᠎ᠡ ᠳᠤ ᠵᠢᠱᠢᠶᠡᠴᠢ ᠥᠪᠡᠷᠲᠡᠭᠡᠨ ᠵᠠᠰᠠᠬᠤ ᠤᠷᠤᠨ ᠤ ᠡᠷᠬᠢᠮ ᠳᠡᠭᠡᠳᠥ ᠢᠷᠠᠭᠤ ᠠᠯᠳᠠᠷ ᠢᠶᠠᠨ ᠪᠠᠲᠤᠯᠠᠬᠤ ᠪᠤᠯ᠂ ᠶᠡᠷᠥᠩᠬᠡᠢ | ᠱᠥᠵᠢ ᠰᠢ ᠶᠢᠨ ᠫᠢᠩ ᠤᠨ ᠨᠠᠨᠳᠢᠨ ᠬᠦᠰᠡᠯ ᠨᠠᠶᠢᠳᠠᠯᠭ᠎ᠠ ᠮᠥᠨ᠂ ᠮᠥᠨ ᠴᠦ ᠪᠥᠬᠦ ᠤᠷᠤᠨ ᠤ ᠥᠨᠳᠥᠰᠥᠲᠡᠨ ᠨᠦᠭᠦᠳ ᠤᠨ ᠺᠠᠳ᠋ᠷ ᠤᠯᠠᠨ ᠲᠥᠮᠡᠨ ᠤ ᠬᠠᠮᠲᠥ ᠶᠢᠨ | ᠲᠡᠤᠬᠡᠲᠦ ᠬᠠᠷᠢᠭᠤᠴᠠᠯᠭ᠎ᠠ ᠮᠥᠨ᠃ ᠪᠢᠳᠡ ᠡᠷᠬᠡᠪᠰᠢ ᠥᠨᠳᠥᠰᠥᠲᠡᠨ ᠤ ᠪᠦᠯᠬᠦᠮᠳᠡᠯ ᠢ ᠨᠢᠲᠥ ᠲᠠᠢ ᠪᠠᠨ ᠠᠳᠠᠯᠢ ᠬᠠᠶᠢᠷᠠᠯᠠᠨ ᠬᠠᠮᠠᠭᠠᠯᠠᠵᠦ᠂ ᠥᠨᠳᠥᠰᠥᠲᠡᠨ ᠤ | ᠪᠥᠯᠬᠦᠮᠳᠡᠯ ᠢ ᠠᠮᠢ ᠨᠠᠰᠤ ᠲᠠᠢ ᠪᠠᠨ ᠠᠳᠠᠯᠢ ᠡᠷᠬᠢᠮᠯᠡᠨ ᠨᠠᠨᠳᠢᠩᠨᠠᠬᠤ ᠬᠡᠷᠡᠭᠲᠡᠢ᠃ ᠥᠨᠳᠥᠰᠥᠲᠡᠨ ᠤ ᠤᠷᠤᠨ ᠤ ᠥᠪᠡᠷᠲᠡᠭᠡᠨ ᠵᠠᠰᠠᠬᠤ ᠳᠦᠷᠢᠮ ᠢ ᠪᠠᠷᠢᠮᠲᠠᠯᠠᠬᠤ ᠪᠡ | ᠲᠡᠭᠦᠯᠳᠡᠷᠵᠢᠭᠦᠯᠵᠤ᠂ ᠥᠨᠳᠥᠰᠥᠳᠡᠨ ᠤ ᠲᠣᠬᠠᠢ ᠨᠠᠮ ᠤᠨ ᠲᠥᠷᠥ ᠶᠢᠨ ᠪᠤᠳᠤᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠎ᠠ᠃ ᠬᠢᠯᠢ ᠬᠢᠵᠠᠭᠠᠷ ᠤᠷᠤᠨ ᠢᠶᠠᠨ | ᠬᠥᠭᠵᠢᠭᠦᠯᠵᠥ ᠠᠷᠠᠳ ᠢᠶᠠᠨ ᠪᠠᠶᠠᠵᠢᠭᠤᠯᠬᠤ ᠠᠵᠢᠯᠯᠠᠭ᠎ᠠ ᠶᠢ ᠠᠬᠢᠭᠤᠯᠵᠤ᠂ ᠬᠢᠯᠢ ᠠᠴᠠ ᠤᠶᠢᠷᠠᠯᠴᠠᠭ᠎ᠠ ᠪᠤᠰᠤ ᠰᠠᠭᠤᠭ᠎ᠠ ᠠᠷᠠᠳ ᠤᠨ ᠨᠦᠬᠦᠪᠦᠷᠢ ᠶᠢᠨ ᠪᠠᠷᠢᠮᠵᠢᠶ᠎ᠠ ᠶᠢ | ᠳᠡᠭᠡᠭᠰᠢᠯᠡᠭᠦᠯᠣᠨ᠂ ᠴᠥᠭᠡᠨ ᠲᠤᠭᠠᠲᠤ ᠥᠨᠳᠥᠰᠥᠲᠡᠨ ᠤ ᠲᠥᠪᠯᠡᠷᠡᠨ ᠰᠠᠭᠤᠭ᠎ᠠ ᠭᠠᠵᠠᠷ ᠤᠷᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠥᠷᠭᠡᠳᠬᠡᠨ᠎ᠡ᠃ | ᠴᠦᠬᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠬᠠᠮᠠᠭᠠᠯᠠᠨ ᠬᠡᠷᠡᠭᠯᠡᠬᠦ ᠪᠠ ᠬᠦᠭᠵᠢᠭᠦᠯᠵᠦ᠂ ᠴᠥᠬᠡᠨ ᠲᠣᠭᠠᠳᠤ ᠦᠨᠳᠦᠰᠦᠲᠡᠨ ᠤ ᠡᠷᠲᠡᠨ ᠤ | ᠨᠤᠮ ᠰᠤᠳᠤᠷ ᠢ ᠬᠠᠮᠠᠭᠠᠯᠠᠵᠣ ᠡᠮᠬᠢᠯᠡᠨ ᠲᠢᠭᠯᠡᠬᠦ ᠪᠠ ᠰᠤᠳᠤᠯᠬᠤ ᠪᠠᠨ ᠴᠢᠩᠭᠠᠳᠬᠠᠨ᠂ ᠬᠤᠲᠠ ᠶᠢᠨ ᠥᠨᠳᠥᠰᠥᠲᠡᠨ ᠤ ᠲᠠᠯ᠎ᠠ ᠪᠠᠷ ᠬᠢ ᠠᠵᠢᠯ ᠢ ᠰᠠᠶᠢᠲᠤᠷ ᠬᠢᠨ᠎ᠡ᠃ | ᠥᠨᠳᠥᠰᠥᠲᠡᠨ ᠤ ᠪᠥᠯᠭᠦᠮᠳᠡᠯ ᠲᠠᠪᠰᠢᠯᠲᠠ ᠶᠢᠨ ᠤᠬᠠᠭᠤᠯᠭ᠎ᠠ ᠬᠦᠮᠦᠵᠢᠯ ᠢ ᠭᠥᠨᠵᠡᠭᠡᠶᠢᠷᠡᠭᠦᠯᠥᠨ᠂ ᠥᠨᠳᠥᠰᠥᠲᠡᠨ ᠨᠦᠭᠦᠳ ᠤᠨ ᠬᠠᠷᠢᠯᠴᠠᠭ᠎ᠠ ᠶᠠᠪᠤᠯᠴᠠᠭ᠎ᠠ | ᠰᠤᠯᠢᠯᠴᠠᠭ᠎ᠠ ᠠᠭᠤᠰᠤᠯᠴᠠᠯ ᠢ ᠴᠢᠩᠭᠠᠳᠬᠠᠵᠣ᠂ ᠳᠤᠮᠳᠠᠳᠤ ᠶᠢᠨ ᠥᠨᠳᠥᠰᠥᠲᠡᠨ ᠤ ᠬᠠᠮᠲᠥ ᠶᠢᠨ ᠴᠤᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠤᠢ ᠪᠤᠯᠭᠠᠵᠤ᠂ | ᠥᠨᠳᠥᠰᠥᠲᠡᠨ ᠨᠦᠭᠦᠳ ᠤᠨ ᠬᠠᠮᠲᠤ ᠪᠠᠷ ᠪᠥᠯᠬᠦᠮᠳᠡᠨ ᠲᠡᠮᠡᠴᠡᠵᠤ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠤᠨ᠎ᠠ᠃ | ᠲᠥᠯᠥᠭᠡᠯᠡᠭᠴᠢᠳ ᠡ︕ 2019 ᠣᠨ ᠳᠤ ᠪᠢᠳᠡ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ | ᠦᠪᠡᠳᠡᠭᠰᠢ ᠶᠡᠭᠡ ᠪᠠᠷ ᠪᠡᠯᠭᠡᠯᠡᠵᠣ᠂ ᠰᠢᠨ᠎ᠡ ᠳᠤᠮᠳᠠᠳᠤ ᠤᠯᠤᠰ ᠤᠨ ᠣᠯᠤᠭᠰᠠᠨ ᠠᠤᠭ᠎ᠠ ᠶᠡᠭᠡ ᠠᠮᠵᠢᠯᠲᠠ ᠪᠦᠲᠦᠮᠵᠢ ᠪᠠ 70 ᠵᠢᠯ ᠤᠨ ᠲᠤᠷᠰᠢᠬᠢ ᠥᠪᠥᠷ | ᠮᠤᠩᠭᠤᠯ ᠤᠨ ᠠᠭᠤᠤ ᠶᠡᠭᠡ ᠬᠤᠪᠢᠷᠠᠯᠲᠠ ᠶᠢ ᠬᠠᠮᠲᠤ ᠪᠠᠷ ᠭᠡᠷᠡᠴᠢᠯᠡᠭᠰᠡᠨ ᠶᠤᠮ᠃ 2020 ᠣᠨ ᠳᠤ ᠪᠢᠳᠡ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠵᠤ᠂ | ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠪᠠᠨ ᠪᠠᠶᠡᠯᠡᠭᠦᠯᠦᠨ᠂ ᠨᠡᠶᠢᠭᠡᠮ ᠵᠢᠷᠤᠮ ᠤᠨ ᠣᠳᠤᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠠᠶᠢᠭᠤᠯᠬᠤ ᠰᠢᠨ᠎ᠡ | ᠠᠶᠠᠨ ᠵᠠᠮ ᠢᠶᠠᠨ ᠡᠯᠬᠦᠬᠦ ᠪᠤᠯᠤᠨ᠎ᠠ᠃ ︽ᠴᠠᠭ ᠦᠶ᠎ᠡ ᠪᠣᠯ ᠰᠡᠳᠦᠪ ᠭᠠᠷᠭᠠᠭᠴᠢ᠂ ᠪᠢᠳᠡ ᠪᠣᠯ ᠰᠡᠳᠦᠪ ᠬᠠᠷᠢᠭᠤᠯᠤᠭᠴᠢ᠂ ᠠᠷᠠᠳ ᠲᠦᠮᠡᠨ ᠪᠣᠯ ᠰᠡᠳᠦᠪ ᠬᠢᠨᠠᠭᠴᠢ | ᠮᠥᠨ᠃︾ ᠪᠢᠳᠡ ᠭᠠᠭᠴᠠ ᠬᠦ ᠦᠷᠯᠦᠭᠡ ᠦᠳᠡᠰᠢ ᠶᠢ ᠲᠡᠮᠡᠴᠡᠵᠦ᠂ ᠵᠠᠯᠠᠭᠤ ᠽᠠᠨᠳᠠᠨ ᠨᠠᠰᠤ ᠪᠠᠨ ᠦᠯᠦ ᠬᠦᠰᠡᠷᠳᠡᠭᠦᠯᠣᠨ᠂ ᠡᠯ᠎ᠡ ᠵᠦᠢᠯ ᠤᠨ ᠲᠦᠭᠰᠢᠭᠦᠷᠢ ᠪᠠ | ᠦᠷᠢᠰᠦᠯᠳᠦᠭᠡᠨ ᠢ ᠲᠠᠰᠤᠷᠠᠯᠲᠠ ᠦᠭᠡᠢ ᠢᠯᠠᠨ ᠳᠠᠪᠠᠵᠤ᠂ ᠥᠵᠡᠰᠭᠦᠯᠡᠩᠲᠥ ᠰᠠᠶᠢᠬᠠᠨ ᠥᠪᠥᠷ ᠮᠤᠩᠭᠤᠯ ᠢᠶᠠᠨ ᠴᠢᠷᠮᠠᠶᠢᠨ ᠪᠥᠲᠥᠭᠡᠨ ᠪᠠᠶᠢᠭᠤᠯᠵᠤ᠂ ᠰᠢᠨ᠎ᠡ ᠴᠠᠭ | ᠦᠶ᠎ᠡ ᠶᠢᠨ ︽ᠵᠢᠱᠢᠶᠡᠴᠢ ᠥᠪᠡᠷᠲᠡᠭᠡᠨ ᠵᠠᠰᠠᠬᠤ ᠣᠷᠤᠨ︾ ᠤ ᠰᠢᠨ᠎ᠡ ᠬᠠᠭᠤᠳᠠᠰᠤ ᠪᠠᠨ ᠪᠢᠴᠢᠭᠯᠡᠶ᠎ᠡ︕ | | |