12 ᠳ᠋ᠤᠭᠠᠷ ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠦᠬᠡᠬᠤᠲᠠ ᠳᠤ ᠤᠯᠤᠰ ᠤᠨ ᠦᠮᠴᠢᠯᠡᠯᠲᠦ ᠠᠵᠤ | ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠢ ᠨᠡᠶᠢᠭᠡᠮᠴᠢᠯᠡᠨ ᠬᠠᠮᠢᠶᠠᠷᠬᠤ ᠠᠵᠢᠯ ᠤᠨ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠥᠪᠡᠷᠲᠡᠭᠡᠨ | ᠵᠠᠰᠠᠬᠤ ᠣᠷᠣᠨ ᠤ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠡᠷᠬᠢᠯᠡᠭᠴᠢ | ᠂ ᠰᠣᠨᠢᠨ ᠮᠡᠳᠡᠭᠡᠨ ᠤ ᠥᠭᠦᠯᠡᠭᠴᠢ ᠾᠧ ᠢᠦᠢ ᠴᠦᠨ ᠮᠠᠨ ᠤ ᠣᠷᠣᠨ ᠤ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠢ | ᠨᠡᠶᠢᠭᠡᠮᠴᠢᠯᠡᠨ ᠬᠠᠮᠢᠶᠠᠷᠬᠤ ᠠᠵᠢᠯ ᠤᠨ ᠪᠠᠶᠢᠳᠠᠯ ᠢ ᠲᠠᠨᠢᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠤᠨ ᠬᠠᠮᠢᠶ᠎ᠠ ᠪᠦᠬᠦᠢ ᠬᠥᠮᠦᠰ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | ᠲᠠᠨᠢᠯᠴᠠᠭᠤᠯᠤᠭᠰᠠᠨ ᠢᠶᠠᠷ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠢ ᠨᠡᠶᠢᠭᠡᠮᠴᠢᠯᠡᠨ ᠬᠠᠮᠢᠶᠠᠷᠬᠤ ᠠᠵᠢᠯ ᠪᠣᠯ | ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠨᠡᠶᠢᠭᠡᠮ ᠤᠨ ᠦᠶᠯᠡᠰ ᠡᠷᠬᠢᠯᠡᠬᠦ ᠡᠭᠦᠷᠭᠡ ᠴᠢᠳᠠᠪᠤᠷᠢ ᠶᠢ ᠰᠠᠯᠭᠠᠬᠤ ᠪᠠ ᠲᠡᠦᠬᠡᠨ ᠦᠯᠡᠳᠡᠭᠳᠡᠯ ᠠᠰᠠᠭᠤᠳᠠᠯ ᠢ | ᠰᠢᠶᠳᠪᠦᠷᠢᠯᠡᠬᠦ ᠡᠴᠦᠰ ᠤᠨ ᠨᠢᠭᠡᠨ ᠥᠭᠡᠷᠡᠴᠢᠯᠡᠯᠲᠡ ᠶᠢᠨ ᠡᠭᠦᠷᠭᠡ ᠮᠥᠨ᠂ ᠪᠠᠰᠠ ᠴᠤ ᠰᠢᠢᠳᠪᠦᠷᠢᠯᠡᠬᠦ ᠳᠤ ᠬᠠᠮᠤᠭ ᠤᠨ ᠬᠦᠴᠢᠷᠲᠡᠶ ᠶᠠᠪᠤᠳᠠᠯ ᠮᠥᠨ᠂ ᠨᠠᠩ ᠴᠤ | ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠨᠡᠶᠢᠭᠡᠮ ᠤᠨ ᠦᠶᠯᠡᠰ | ᠡᠷᠬᠢᠯᠡᠬᠦ ᠡᠭᠦᠷᠭᠡ ᠴᠢᠳᠠᠪᠤᠷᠢ ᠶᠢ ᠰᠠᠯᠭᠠᠬᠤ ᠪᠠ ᠲᠡᠦᠬᠡᠨ ᠦᠯᠡᠳᠡᠭᠳᠡᠯ ᠠᠰᠠᠭᠤᠳᠠᠯ ᠢ ᠰᠢᠶᠳᠪᠦᠷᠢᠯᠡᠬᠦ ᠶᠢᠨ ᠴᠢᠬᠤᠯᠠ ᠠᠭᠤᠯᠭ᠎ᠠ ᠪᠣᠯᠣᠨ᠎ᠠ᠃ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ 2019 ᠣᠨ ᠤ 3 ᠳ᠋ᠤᠭᠠᠷ ᠰᠠᠷ᠎ᠠ ᠳᠤ | ︽ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠢ ᠨᠡᠶᠢᠭᠡᠮᠴᠢᠯᠡᠨ ᠬᠠᠮᠢᠶᠠᠷᠬᠤ ᠲᠤᠬᠠᠶ ᠵᠢᠯᠣᠭᠤᠳᠬᠤ ᠰᠠᠨᠠᠯ︾ ᠢ ᠳᠠᠷᠤᠮᠠᠯᠯᠠᠨ | ᠲᠠᠷᠬᠠᠭᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ | ᠥᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠲᠦᠷᠦᠭᠦᠯᠡᠨ ᠥᠪᠡᠷᠲᠡᠭᠡᠨ ᠵᠠᠰᠠᠬᠤ ᠣᠷᠣᠨ 365赢多少钱会被限额_国内有真正的365平台吗_365bet博彩官网 | ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠵᠡᠷᠭᠡ 7 ᠰᠠᠯᠠᠭ᠎ᠠ ᠮᠥᠴᠢᠷ ᠲᠠᠢ ᠬᠠᠮᠲᠤᠷᠠᠨ᠂ ᠲᠥᠪ ᠤᠨ ᠱᠠᠭᠠᠷᠳᠠᠯᠭ᠎ᠠ | ᠶᠣᠰᠣᠭᠠᠷ᠂ ᠪᠠᠶᠢᠳᠠᠯ ᠢ ᠣᠶᠢᠯᠠᠭᠠᠨ ᠪᠠᠶᠢᠴᠠᠭᠠᠬᠤ᠂ ᠪᠠᠶᠢᠴᠠᠭᠠᠨ ᠰᠤᠳᠤᠯᠵᠤ ᠨᠤᠲᠠᠯᠠᠬᠤ᠂ ᠲᠥᠰᠦᠯ ᠨᠡᠶᠢᠲᠡᠯᠡᠬᠦ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ | ᠰᠢᠮᠳᠠᠭᠤᠯᠤᠨ ᠦᠷᠨᠢᠭᠦᠯᠬᠦ ᠬᠡᠷᠡᠭᠲᠡᠢ ᠭᠡᠵᠦ ᠲᠣᠭᠲᠠᠭᠠᠭᠠᠳ᠂ ᠮᠠᠨ ᠤ ᠣᠷᠣᠨ ᠤ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠢ | ᠨᠡᠶᠢᠭᠡᠮᠴᠢᠯᠡᠨ ᠬᠠᠮᠢᠶᠠᠷᠬᠤ ᠠᠵᠢᠯ ᠢ ᠪᠥᠬᠦ ᠲᠠᠯ᠎ᠠ ᠪᠠᠷ ᠡᠬᠢᠯᠡᠭᠦᠯᠦᠨ ᠠᠬᠢᠭᠤᠯᠪᠠ᠃ | ᠠᠩᠬ᠎ᠠ ᠠᠯᠬᠤᠮ ᠤᠨ ᠪᠦᠷᠢᠳᠬᠡᠯ ᠠᠴᠠ ᠦᠵᠡᠪᠡᠯ᠂ 2018 ᠣᠨ ᠤ ᠡᠴᠦᠰ ᠪᠣᠯᠲᠠᠯ᠎ᠠ᠂ ᠪᠥᠬᠦ ᠣᠷᠣᠨ ᠤ ᠨᠡᠶᠢᠭᠡᠮᠴᠢᠯᠡᠭᠰᠡᠨ ᠬᠠᠮᠢᠶᠠᠷᠤᠯᠲᠠ ᠶᠢ | ᠬᠡᠷᠡᠭᠵᠢᠭᠦᠯᠦᠭᠡᠳᠦᠶ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠪᠠᠷᠤᠭ 30 ᠲᠦᠮᠡᠨ ᠬᠥᠮᠥᠨ ᠪᠠᠶᠢᠪᠠ᠂ ᠡᠭᠦᠨ ᠳᠤ᠄ ᠣᠷᠣᠨ | ᠤ ᠰᠢᠭᠤᠳ ᠬᠠᠷᠢᠶ᠎ᠠ ᠠᠵᠤ ᠠᠬᠤᠶᠢᠯᠠᠯ ᠤᠨ ᠪᠠᠷᠤᠭ 18 ᠲᠦᠮᠡᠨ ᠬᠥᠮᠥᠨ᠂ ᠠᠶᠢᠮᠠᠭ ᠬᠤᠲᠠ ᠶᠢᠨ ᠠᠵᠤ ᠠᠬᠤᠶᠢᠯᠠᠯ ᠤᠨ ᠪᠠᠷᠤᠭ 3 ᠲᠦᠮᠡᠨ ᠬᠥᠮᠥᠨ᠂ | ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠲᠥᠪ ᠤᠨ ᠠᠵᠤ ᠠᠬᠤᠶᠢᠯᠠᠯ ᠤᠨ ᠪᠠᠷᠤᠭ 9 ᠲᠦᠮᠡᠨ ᠬᠥᠮᠥᠨ ᠪᠤᠢ᠃ 2019 ᠣᠨ ᠤ 8 ᠳ᠋ᠤᠭᠠᠷ ᠰᠠᠷ᠎ᠠ ᠳᠤ | ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠢ | ᠨᠡᠶᠢᠭᠡᠮᠴᠢᠯᠡᠨ ᠬᠠᠮᠢᠶᠠᠷᠬᠤ ᠠᠵᠢᠯ ᠤᠨ ᠲᠥᠰᠦᠯ︾ ᠳᠤ᠂ 2019 ᠣᠨ ᠤ 9 ᠳ᠋ᠦ᠋ᠭᠡᠷ ᠰᠠᠷ᠎ᠠ ᠶᠢᠨ ᠡᠴᠦᠰ ᠪᠠ 2020 ᠣᠨ ᠤ 3 ᠳ᠋ᠤᠭᠠᠷ ᠰᠠᠷ᠎ᠠ ᠶᠢᠨ ᠡᠴᠦᠰ᠂ | 6 ᠳ᠋ᠤᠭᠠᠷ ᠰᠠᠷ᠎ᠠ ᠶᠢᠨ ᠡᠴᠦᠰ᠂ 10 ᠳ᠋ᠤᠭᠠᠷ ᠰᠠᠷ᠎ᠠ ᠶᠢᠨ ᠡᠴᠦᠰ ᠵᠡᠷᠭᠡ ᠳᠥᠷᠪᠡᠨ ᠵᠠᠩᠭᠢᠯᠠᠭ᠎ᠠ ᠶᠢᠨ ᠴᠠᠭ ᠲᠤ᠂ ᠡᠯ᠎ᠡ ᠠᠶᠢᠮᠠᠭ ᠬᠤᠲᠠ ᠶᠢᠨ ᠪᠤᠳᠠᠲᠠᠢ | ᠬᠡᠷᠡᠭᠵᠢᠭᠦᠯᠬᠦ ᠠᠷᠭ᠎ᠠ ᠪᠠ ᠠᠵᠤ ᠠᠬᠤᠶᠢᠯᠠᠯ ᠤᠨ ᠰᠢᠯᠵᠢᠭᠦᠯᠦᠨ ᠲᠤᠰᠢᠶᠠᠬᠤ ᠲᠥᠰᠦᠯ ᠢ ᠲᠣᠭᠲᠠᠭᠠᠬᠤ᠂ ᠰᠢᠯᠵᠢᠭᠦᠯᠦᠨ ᠲᠤᠰᠢᠶᠠᠬᠤ ᠵᠥᠪᠳᠡᠯᠴᠡᠭᠡᠷ ᠲᠣᠭᠲᠠᠬᠤ᠂ | ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠪᠠ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠴᠠᠭ᠎ᠠ ᠶᠢ ᠰᠢᠯᠵᠢᠭᠦᠯᠦᠨ ᠲᠤᠰᠢᠶᠠᠬᠤ᠂ ᠡᠳ᠋ ᠬᠥᠷᠥᠩᠭᠡ ᠶᠢ | ᠬᠤᠪᠢᠶᠠᠷᠢᠯᠠᠨ ᠰᠢᠯᠵᠢᠭᠦᠯᠬᠦ ᠵᠡᠷᠭᠡ ᠠᠵᠢᠯ ᠢ ᠲᠣᠰ ᠲᠣᠰ ᠪᠡᠶᠡᠯᠡᠭᠦᠯᠵᠦ᠂ 2020 ᠣᠨ ᠤ ᠵᠢᠯ ᠤᠨ ᠡᠴᠦᠰ ᠠᠴᠠ ᠡᠮᠦᠨ᠎ᠡ ᠡᠨᠡ ᠬᠦ ᠠᠵᠢᠯ ᠢ ᠪᠥᠬᠦ ᠲᠠᠯ᠎ᠠ ᠪᠠᠷ | ᠪᠡᠶᠡᠯᠡᠭᠦᠯᠬᠦ ᠬᠡᠷᠡᠭᠲᠡᠶ ᠭᠡᠵᠦ ᠲᠣᠳᠣᠷᠬᠠᠶ ᠱᠠᠭᠠᠷᠳᠠᠪᠠ᠃ ᠥᠪᠡᠷᠲᠡᠭᠡᠨ ᠵᠠᠰᠠᠬᠤ ᠣᠷᠣᠨ ᠤ ᠱᠠᠲᠤᠨ ᠳᠤ᠂ ᠬᠡᠷᠡᠭ ᠵᠥᠪᠯᠡᠵᠦ ᠵᠣᠬᠢᠴᠠᠭᠤᠯᠬᠤ ᠲᠣᠭᠲᠠᠴᠠ᠂ ᠪᠠᠶᠢᠳᠠᠯ ᠢ | ᠮᠡᠳᠡᠭᠳᠡᠬᠦ ᠲᠣᠭᠲᠠᠴᠠ᠂ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠲᠣᠭᠲᠠᠴᠠ᠂ ᠵᠣᠯᠭᠠᠯᠳᠤᠭᠤᠯᠤᠨ ᠦᠶᠯᠡᠴᠢᠯᠡᠬᠦ ᠲᠣᠭᠲᠠᠴᠠ ᠵᠡᠷᠭᠡ ᠳᠥᠷᠪᠡᠨ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠬᠦ ᠶᠢ ᠲᠦᠷᠭᠡᠨ ᠠᠬᠢᠭᠤᠯᠬᠤ ᠪᠠᠷ ᠳᠠᠮᠵᠢᠭᠤᠯᠤᠨ ᠡᠯ᠎ᠡ ᠵᠦᠶᠯ ᠤᠨ ᠠᠵᠢᠯ ᠢ ᠲᠣᠭᠲᠠᠭᠤᠨ ᠢᠶᠠᠷ ᠡᠬᠢᠯᠡᠭᠦᠯᠬᠦ ᠪᠠ ᠵᠣᠬᠢᠴᠠᠩᠭᠤᠶ ᠪᠠᠷ | ᠠᠬᠢᠭᠤᠯᠬᠤ ᠶᠢ ᠦᠨᠡᠨ ᠬᠦ ᠪᠠᠲᠤᠯᠠᠪᠠ᠃ | |