| | | ᠰᠤᠷᠪᠤᠯᠵᠢᠯᠠᠭᠰᠠᠨ ᠴᠠᠭ᠄ 2020 ᠣᠨ ᠤ 02 ᠳ᠋ᠤᠭᠠᠷ ᠰᠠᠷ᠎ᠠ ᠶᠢᠨ 28 ᠤ ᠡᠳᠦᠷ | ᠰᠤᠷᠪᠤᠯᠵᠢᠯᠠᠭ᠎ᠠ ᠬᠦᠯᠢᠶᠡᠭᠴᠢ᠄ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠳᠡᠳ᠋ ᠳᠠᠷᠤᠭ᠎ᠠ ᠵᠢᠶᠠ ᠯᠢ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 243 ᠳ᠋ᠤᠭᠠᠷ ᠲᠣᠭᠠᠲᠤ ᠵᠠᠷᠯᠢᠭ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠢ ᠵᠣᠬᠢᠶᠠᠬᠤ ᠪᠠ | ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠣᠭᠲᠠᠭᠠᠬᠤ ᠳᠡᠰ ᠳᠠᠷᠠᠭᠠᠯᠠᠯ ᠪᠠ ᠲᠣᠭᠲᠠᠭᠠᠯ︾ ︵ᠳᠣᠷᠣᠭᠰᠢ ︽ᠳᠡᠰ ᠳᠠᠷᠠᠭᠠᠯᠠᠯ ᠪᠠ ᠲᠣᠭᠲᠠᠭᠠᠯ︾ ᠭᠡᠵᠦ | ᠲᠣᠪᠴᠢᠯᠠᠨ᠎ᠠ︶ ᠢ ᠨᠢᠭᠡᠨᠲᠡ 2019 ᠣᠨ ᠤ 11 ᠳ᠋ᠦ᠋ᠭᠡᠷ ᠰᠠᠷ᠎ᠠ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 2019 | ᠣᠨ ᠤ 24 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠠᠴᠠ ᠬᠢᠨᠠᠨ ᠵᠥᠪᠯᠡᠵᠦ ᠪᠠᠲᠤᠯᠠᠭᠠᠳ᠂ 2020 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ | ᠡᠬᠢᠯᠡᠨ ᠵᠢᠩᠬᠢᠨᠢ ᠪᠠᠷ ᠬᠡᠷᠡᠭᠵᠢᠭᠦᠯᠪᠡ᠃ ᠲᠤᠰ ︽ᠳᠡᠰ ᠳᠠᠷᠠᠭᠠᠯᠠᠯ ᠪᠠ ᠲᠣᠭᠲᠠᠭᠠᠯ︾ ᠢ ᠨᠡᠶᠢᠲᠡᠯᠡᠭᠰᠡᠨ ᠨᠢ᠂ ᠡᠭᠦᠨ ᠠᠴᠠ ᠬᠤᠶᠢᠰᠢᠳᠠ ᠶᠢᠨ ᠮᠠᠨ ᠤ ᠣᠷᠣᠨ ᠤ | ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠠᠵᠢᠯ ᠳᠤ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠪᠠᠶᠢᠳᠠᠭ᠃ | | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | | ᠬᠥᠲᠥᠯᠥᠭᠴᠢ᠄ | ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠤᠰ ᠬᠤᠭᠤᠴᠠᠭᠠᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠣᠯᠣᠩ ᠢ ᠬᠦᠯᠢᠶᠡᠨ ᠠᠪᠴᠤ | ᠦᠵᠡᠬᠦ ᠶᠢ ᠴᠢᠨᠢ ᠪᠠᠶᠠᠷᠯᠠᠨ ᠤᠭᠲᠤᠵᠤ ᠪᠠᠶᠢᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 243 ᠳ᠋ᠤᠭᠠᠷ ᠲᠣᠭᠠᠲᠤ ᠵᠠᠷᠯᠢᠭ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠢ ᠵᠣᠬᠢᠶᠠᠬᠤ ᠪᠠ | ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠣᠭᠲᠠᠭᠠᠬᠤ ᠳᠡᠰ ᠳᠠᠷᠠᠭᠠᠯᠠᠯ ᠪᠠ ᠲᠣᠭᠲᠠᠭᠠᠯ︾ ︵ᠳᠣᠷᠣᠭᠰᠢ ︽ᠳᠡᠰ ᠳᠠᠷᠠᠭᠠᠯᠠᠯ ᠪᠠ ᠲᠣᠭᠲᠠᠭᠠᠯ︾ ᠭᠡᠵᠦ | ᠲᠣᠪᠴᠢᠯᠠᠨ᠎ᠠ︶ ᠢ ᠨᠢᠭᠡᠨᠲᠡ 2019 ᠣᠨ ᠤ 11 ᠳ᠋ᠦ᠋ᠭᠡᠷ ᠰᠠᠷ᠎ᠠ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 2019 | ᠣᠨ ᠤ 24 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠠᠴᠠ ᠬᠢᠨᠠᠨ ᠵᠥᠪᠯᠡᠵᠦ ᠪᠠᠲᠤᠯᠠᠭᠠᠳ᠂ 2020 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ | ᠡᠬᠢᠯᠡᠨ ᠵᠢᠩᠬᠢᠨᠢ ᠪᠠᠷ ᠬᠡᠷᠡᠭᠵᠢᠭᠦᠯᠪᠡ᠃ ᠲᠤᠰ ︽ᠳᠡᠰ ᠳᠠᠷᠠᠭᠠᠯᠠᠯ ᠪᠠ ᠲᠣᠭᠲᠠᠭᠠᠯ︾ ᠢ ᠨᠡᠶᠢᠲᠡᠯᠡᠭᠰᠡᠨ ᠨᠢ᠂ ᠡᠭᠦᠨ ᠠᠴᠠ ᠬᠤᠶᠢᠰᠢᠳᠠ ᠶᠢᠨ ᠮᠠᠨ ᠤ ᠣᠷᠣᠨ ᠤ | ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠠᠵᠢᠯ ᠳᠤ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠪᠠᠶᠢᠳᠠᠭ᠃ | ᠥᠨᠥᠳᠥᠷ ᠪᠢᠳᠡ ᠵᠣᠯ ᠢᠶᠠᠷ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠳᠡᠳ᠋ ᠳᠠᠷᠤᠭ᠎ᠠ ᠵᠢᠶᠠ ᠯᠢ ᠶᠢ ᠤᠷᠢᠵᠤ᠂ ᠲᠡᠭᠦᠨ ᠢᠶᠠᠷ | ᠪᠢᠳᠡᠨ ᠳᠤ ︽ᠳᠡᠰ ᠳᠠᠷᠠᠭᠠᠯᠠᠯ ᠪᠠ ᠲᠣᠭᠲᠠᠭᠠᠯ︾ ᠤᠨ ᠬᠠᠮᠢᠶ᠎ᠠ ᠪᠦᠬᠦᠢ ᠠᠭᠤᠯᠭ᠎ᠠ ᠳᠤ ᠰᠦᠯᠵᠢᠶ᠎ᠡ ᠪᠠᠷ ᠲᠠᠶᠢᠯᠤᠮᠵᠢ ᠬᠢᠯᠭᠡᠬᠦ ᠪᠠᠷ ᠪᠣᠯᠣᠯ᠎ᠠ᠃ ᠵᠢᠶᠠ ᠲᠢᠩᠬᠢᠮ ᠤᠨ | ᠳᠠᠷᠤᠭ᠎ᠠ ᠶᠢ ᠪᠠᠶᠠᠷᠯᠠᠨ ᠤᠭᠲᠤᠵᠤ ᠪᠠᠶᠢᠨ᠎ᠠ᠃ | ᠵᠢᠶᠠ ᠯᠢ᠄ | ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ | ᠬᠥᠲᠥᠯᠥᠭᠴᠢ᠄ | ︽ᠳᠡᠰ ᠳᠠᠷᠠᠭᠠᠯᠠᠯ ᠪᠠ ᠲᠣᠭᠲᠠᠭᠠᠯ︾ ᠢ ᠨᠡᠶᠢᠲᠡᠯᠡᠭᠰᠡᠨ ᠠᠬᠤᠢ ᠪᠠᠶᠢᠳᠠᠯ ᠪᠠ ᠠᠴᠢ ᠬᠤᠯᠪᠣᠭᠳᠠᠯ ᠢ ᠲᠠᠨᠢᠯᠴᠠᠭᠤᠯᠤᠭᠠᠳ ᠥᠭᠭᠦᠨ᠎ᠡ ᠦᠦ︖ | ᠵᠢᠶᠠ ᠯᠢ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ | ᠡᠬᠡ ᠲᠥᠰᠥᠯ ᠢ ᠵᠣᠬᠢᠶᠠᠬᠤ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠣᠭᠲᠠᠭᠠᠬᠤ ᠲᠣᠭᠲᠠᠭᠠᠯ︾᠂ ᠳᠠᠷᠤᠢ 91 ᠳ᠋ᠦ᠋ᠭᠡᠷ ᠲᠣᠭᠠᠲᠤ ᠵᠠᠷᠯᠢᠭ ᠢ 1998 | ᠣᠨ ᠳᠤ ᠨᠡᠶᠢᠲᠡᠯᠡᠨ ᠬᠡᠷᠡᠭᠵᠢᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠣᠨ ᠤ ᠣᠷᠣᠨ ᠨᠤᠲᠤᠭ ᠤᠨ ᠴᠢᠨᠠᠷᠲᠠᠢ ᠬᠠᠤᠯᠢ | ᠲᠣᠭᠲᠠᠭᠠᠯ ᠤᠨ ᠡᠬᠡ ᠲᠥᠰᠥᠯ ᠢ ᠵᠣᠬᠢᠶᠠᠬᠤ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠣᠭᠲᠠᠭᠠᠬᠤ ᠳᠡᠰ ᠳᠠᠷᠠᠭᠠᠯᠠᠯ ᠢ ᠵᠢᠷᠤᠮᠵᠢᠭᠤᠯᠵᠤ᠂ ᠬᠠᠤᠯᠢ | ᠲᠣᠭᠲᠠᠭᠠᠯ ᠤᠨ ᠶᠠᠰᠤ ᠴᠢᠨᠠᠷ ᠢ ᠪᠠᠲᠤᠯᠠᠬᠤ ᠲᠠᠯ᠎ᠠ ᠪᠠᠷ ᠴᠢᠬᠤᠯᠠ ᠦᠢᠯᠡᠳᠦᠯ ᠦᠵᠡᠭᠦᠯᠪᠡ᠃ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠ ᠤᠯᠤᠰ ᠢ | ᠪᠦᠬᠦ ᠲᠠᠯ᠎ᠠ ᠪᠠᠷ ᠬᠠᠤᠯᠢ ᠶᠣᠰᠣᠭᠠᠷ ᠵᠠᠰᠠᠬᠤ ᠠᠬᠢᠴᠠ ᠶᠢ ᠲᠠᠰᠤᠷᠠᠯᠲᠠ ᠦᠭᠡᠢ ᠠᠬᠢᠭᠤᠯᠬᠤ ᠶᠢ ᠳᠠᠭᠠᠯᠳᠤᠨ᠂ ᠣᠨᠴᠠᠭᠠᠶᠢᠯᠠᠨ ︽ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠬᠠᠤᠯᠢ ᠲᠣᠭᠲᠠᠭᠠᠬᠤ ᠬᠠᠤᠯᠢ︾ ᠪᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠳᠦᠷᠢᠮ ᠲᠣᠭᠲᠠᠭᠠᠯ ᠢ ᠲᠣᠭᠲᠠᠭᠠᠬᠤ ᠳᠠᠰ ᠳᠠᠷᠠᠭᠠᠯᠠᠯ ᠤᠨ | ᠳᠦᠷᠢᠮ︾ ᠳᠤ ᠵᠠᠰᠠᠪᠤᠷᠢ ᠣᠷᠣᠭᠤᠯᠤᠭᠰᠠᠨ ᠤ ᠳᠠᠷᠠᠭ᠎ᠠ᠂ 91 ᠳ᠋ᠦ᠋ᠭᠡᠷ ᠲᠣᠭᠠᠲᠤ ᠵᠠᠷᠯᠢᠭ ᠤᠨ ᠳᠣᠲᠣᠷᠠᠬᠢ ᠵᠠᠷᠢᠮ ᠠᠭᠤᠯᠭ᠎ᠠ ᠨᠢ ᠳᠡᠭᠡᠳᠦ ᠪᠠᠶᠢᠷᠢᠨ ᠤ ᠬᠠᠤᠯᠢ ᠲᠠᠢ | ᠬᠠᠷᠢᠯᠴᠠᠨ ᠨᠢᠭᠡᠳᠦᠯ ᠦᠭᠡᠢ ᠪᠣᠯᠵᠤ᠂ ᠨᠢᠭᠡᠨᠲᠡ ᠬᠠᠤᠯᠢ ᠲᠣᠭᠲᠠᠭᠠᠬᠤ ᠠᠵᠢᠯ ᠤᠨ ᠱᠠᠭᠠᠷᠳᠠᠯᠭ᠎ᠠ ᠲᠠᠢ ᠵᠣᠬᠢᠴᠠᠵᠤ ᠴᠢᠳᠠᠬᠤ ᠦᠭᠡᠢ ᠪᠣᠯᠵᠠᠢ᠃ ᠰᠢᠨᠵᠢᠯᠡᠬᠦ | ᠤᠬᠠᠭᠠᠨᠴᠢ ᠪᠠᠷ ᠬᠠᠤᠯᠢ ᠲᠣᠭᠲᠠᠭᠠᠬᠤ᠂ ᠠᠷᠠᠳᠴᠢᠯᠠᠯ ᠢᠶᠠᠷ ᠬᠠᠤᠯᠢ ᠲᠣᠭᠲᠠᠭᠠᠬᠤ᠂ ᠬᠠᠤᠯᠢ ᠶᠣᠰᠣᠭᠠᠷ ᠬᠠᠤᠯᠢ ᠲᠣᠭᠲᠠᠭᠠᠬᠤ ᠶᠢ ᠠᠬᠢᠭᠤᠯᠤᠨ᠂ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠲᠣᠭᠲᠠᠭᠠᠬᠤ ᠶᠠᠰᠤ ᠴᠢᠨᠠᠷ ᠢ | ᠳᠡᠭᠡᠭᠰᠢᠯᠡᠭᠦᠯᠬᠦ ᠶᠢᠨ ᠲᠤᠰᠠᠳᠠ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠢ ᠵᠣᠬᠢᠶᠠᠬᠤ ᠪᠠ ᠵᠠᠰᠠᠭ ᠤᠨ ᠣᠷᠳᠣᠨ ᠤ ᠳᠦᠷᠢᠮ | ᠲᠣᠭᠲᠠᠭᠠᠯ ᠢ ᠲᠣᠭᠲᠠᠭᠠᠬᠤ ᠳᠠᠰ ᠳᠠᠷᠠᠭᠠᠯᠠᠯ ᠢ ᠲᠡᠭᠦᠯᠳᠡᠷᠵᠢᠭᠦᠯᠬᠦ ᠶᠢ ᠪᠠᠴᠢᠮ ᠱᠠᠭᠠᠷᠳᠠᠵᠤ ᠪᠠᠶᠢᠨ᠎ᠠ᠃ | ᠬᠥᠲᠥᠯᠥᠭᠴᠢ᠄ | ︽ᠳᠡᠰ ᠳᠠᠷᠠᠭᠠᠯᠠᠯ ᠪᠠ ᠲᠣᠭᠲᠠᠭᠠᠯ︾ ᠤᠨ ᠶᠡᠷᠦᠩᠬᠡᠢ ᠰᠡᠳᠬᠢᠮᠵᠢ ᠪᠠ ᠭᠤᠣᠯ ᠠᠭᠤᠯᠭ᠎ᠠ ᠨᠢ ᠶᠠᠭᠤ ᠪᠣᠢ︖ | ᠵᠢᠶᠠ ᠯᠢ᠄ | ︽ᠳᠡᠰ ᠳᠠᠷᠠᠭᠠᠯᠠᠯ ᠪᠠ ᠲᠣᠭᠲᠠᠭᠠᠯ︾ ᠤᠨ ᠨᠢᠭᠡᠳᠦᠭᠡᠷ ᠪᠦᠯᠦᠭ ᠶᠡᠷᠦᠩᠬᠡᠢ ᠳᠦᠷᠢᠮ ᠪᠠ ᠳᠣᠯᠣᠳᠤᠭᠠᠷ ᠪᠦᠯᠦᠭ ᠳᠠᠭᠠᠯᠳᠤᠭᠤᠯᠤᠯ ᠳᠦᠷᠢᠮ ᠠᠴᠠ ᠭᠠᠳᠠᠨ᠎ᠠ᠂ | ᠬᠤᠶᠠᠳᠤᠭᠠᠷ ᠪᠦᠯᠦᠭ ᠠᠴᠠ ᠵᠢᠷᠭᠤᠳᠤᠭᠠᠷ ᠪᠦᠯᠦᠭ ᠬᠦᠷᠲᠡᠯ᠎ᠡ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠳᠠᠰ ᠳᠠᠷᠠᠭᠠᠯᠠᠯ ᠤᠨ ᠠᠯᠬᠤᠮ ᠳᠠᠷᠠᠭ᠎ᠠ ᠶᠣᠰᠣᠭᠠᠷ | ᠲᠣᠬᠢᠷᠠᠭᠤᠯᠤᠨ᠂ ᠬᠤᠶᠠᠳᠤᠭᠠᠷ ᠪᠦᠯᠦᠭ ᠲᠥᠷᠥᠯ ᠵᠦᠢᠯ ᠢ ᠲᠣᠭᠲᠠᠭᠠᠬᠤ᠂ ᠭᠤᠷᠪᠠᠳᠤᠭᠠᠷ ᠪᠦᠯᠦᠭ ᠲᠤᠭᠤᠷᠪᠢᠬᠤ᠂ ᠳᠥᠷᠪᠡᠳᠦᠭᠡᠷ ᠪᠦᠯᠦᠭ ᠬᠢᠨᠠᠨ ᠪᠠᠶᠢᠴᠠᠭᠠᠬᠤ᠂ | ᠲᠠᠪᠤᠳᠤᠭᠠᠷ ᠪᠦᠯᠦᠭ ᠲᠣᠭᠲᠠᠭᠠᠬᠤ ᠪᠠ ᠨᠡᠶᠢᠲᠡᠯᠡᠬᠦ᠂ ᠵᠢᠷᠭᠤᠳᠤᠭᠠᠷ ᠪᠦᠯᠦᠭ ᠪᠦᠷᠢᠳᠬᠡᠨ ᠳᠠᠩᠰᠠᠯᠠᠵᠤ ᠲᠠᠶᠢᠯᠪᠤᠷᠢᠯᠠᠬᠤ ᠪᠠ ᠦᠨᠡᠯᠡᠨ ᠵᠢᠱᠢᠬᠦ ᠭᠡᠬᠦ ᠮᠡᠲᠦ ᠪᠠᠷ | ᠲᠣᠬᠢᠷᠠᠭᠤᠯᠤᠨ᠂ ᠳᠠᠰ ᠳᠠᠷᠠᠭᠠᠯᠠᠯ ᠪᠦᠷᠢ ᠳᠤ ᠨᠠᠷᠢᠨ ᠲᠣᠳᠣᠷᠬᠠᠢ ᠲᠣᠭᠲᠠᠭᠠᠯ ᠭᠠᠷᠭᠠᠵᠤ᠂ ᠮᠠᠰᠢ ᠴᠢᠩᠭ᠎ᠠ ᠵᠢᠯᠣᠭᠤᠳᠬᠤ ᠴᠢᠨᠠᠷ ᠲᠠᠢ ᠪᠠᠶᠢᠳᠠᠭ᠃ | ᠬᠥᠲᠥᠯᠥᠭᠴᠢ᠄ | ᠡᠭᠦᠨ ᠠᠴᠠ ᠡᠮᠦᠨᠡᠬᠢ 91 ᠳ᠋ᠦ᠋ᠭᠡᠷ ᠲᠣᠭᠠᠲᠤ ᠵᠠᠷᠯᠢᠭ ᠲᠠᠢ ᠬᠠᠷᠢᠴᠠᠭᠤᠯᠪᠠᠯ᠂ ᠵᠠᠰᠠᠪᠤᠷᠢ ᠣᠷᠣᠭᠤᠯᠤᠭᠰᠠᠨ ᠭᠢᠯᠠᠰ ᠴᠡᠭ ᠨᠢ ᠶᠠᠭᠤ ᠪᠣᠢ︖ | ᠵᠢᠶᠠ ᠯᠢ᠄ | ︽ᠳᠠᠰ ᠳᠠᠷᠠᠭᠠᠯᠠᠯ ᠪᠠ ᠲᠣᠭᠲᠠᠭᠠᠯ︾ ᠳᠤ ᠵᠠᠰᠠᠪᠤᠷᠢ ᠣᠷᠣᠭᠤᠯᠤᠭᠰᠠᠨ ᠭᠢᠯᠠᠰ ᠴᠡᠭ ᠨᠢ ᠭᠤᠣᠯᠳᠠᠭᠤ ᠳᠣᠣᠷᠠᠬᠢ ᠳᠥᠷᠪᠡᠨ ᠲᠠᠯ᠎ᠠ ᠪᠣᠢ᠄ | ᠨᠢᠭᠡ ᠳᠤ᠂ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠲᠠᠯ᠎ᠠ ᠪᠠᠷ᠂ ᠤᠯᠤᠰ ᠲᠥᠷᠥ ᠶᠢᠨ | ᠲᠠᠯ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠵᠠᠰᠠᠭ ᠤᠨ ᠣᠷᠳᠣᠨ ᠤ ᠲᠥᠬᠦᠷ ᠳᠦᠷᠢᠮ ᠲᠣᠭᠲᠠᠭᠠᠯ ᠪᠠ ᠠᠵᠤ ᠠᠬᠤᠢ ᠨᠡᠶᠢᠭᠡᠮ ᠤᠨ ᠲᠠᠯ᠎ᠠ ᠶᠢᠨ ᠵᠠᠰᠠᠭ ᠤᠨ 365赢多少钱会被限额_国内有真正的365平台吗_365bet博彩官网 | ᠣᠷᠳᠣᠨ ᠤ ᠴᠢᠬᠤᠯᠠ ᠶᠡᠭᠡ ᠳᠦᠷᠢᠮ ᠲᠣᠭᠲᠠᠭᠠᠯ ᠢ ᠲᠣᠭᠲᠠᠭᠠᠬᠤ ᠳᠤ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠠᠭ ᠲᠤᠬᠠᠢ ᠳᠤ ᠨᠢ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠳᠤ ᠮᠡᠳᠡᠭᠦᠯᠬᠦ ᠬᠡᠷᠡᠭᠲᠡᠢ ᠭᠡᠵᠦ ᠲᠣᠳᠣᠷᠬᠠᠢ ᠱᠠᠭᠠᠷᠳᠠᠪᠠ᠃ | ᠬᠤᠶᠠᠷ ᠲᠤ᠂ ᠴᠢᠬᠤᠯᠠ ᠶᠡᠭᠡ ᠠᠰᠢᠭ ᠲᠤᠰᠠ ᠳᠤ ᠲᠣᠬᠢᠷᠠᠭᠤᠯᠤᠯᠲᠠ ᠬᠢᠬᠦ ᠳᠤ ᠨᠤᠲᠠᠯᠠᠯᠲᠠ ᠬᠢᠵᠦ ᠠᠰᠠᠭᠤᠨ ᠯᠠᠪᠠᠯᠬᠤ ᠳᠦᠷᠢᠮ ᠢ ᠲᠣᠭᠲᠠᠭᠠᠪᠠ᠃ ᠣᠷᠣᠨ | ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠡᠬᠡ ᠲᠥᠰᠥᠯ ᠨᠢ ᠨᠡᠶᠢᠭᠡᠮ ᠤᠨ ᠣᠯᠠᠨ | ᠲᠦᠮᠡᠨ ᠤ ᠨᠡᠶᠢᠳᠡᠮ ᠳᠤ ᠪᠠᠨ ᠠᠩᠬᠠᠷᠤᠯ ᠲᠠᠯᠪᠢᠵᠤ ᠪᠠᠶᠢᠭ᠎ᠠ ᠬᠠᠯᠠᠭᠤᠨ ᠴᠡᠭ ᠤᠨ ᠠᠰᠠᠭᠤᠳᠠᠯ᠂ ᠬᠦᠴᠢᠷᠳᠡᠯ ᠲᠠᠢ ᠠᠰᠠᠭᠤᠳᠠᠯ ᠪᠠ ᠠᠵᠤ ᠠᠬᠤᠢ ᠨᠡᠶᠢᠭᠡᠮ ᠤᠨ | ᠬᠥᠭᠵᠢᠯᠲᠡ ᠳᠤ ᠲᠤᠯᠭᠠᠷᠠᠭᠰᠠᠨ ᠲᠣᠪᠣᠶᠢᠮ᠎ᠠ ᠵᠥᠷᠢᠴᠡᠯ ᠳᠤ ᠬᠤᠯᠪᠣᠭᠳᠠᠵᠤ᠂ ᠡᠷᠬᠡᠲᠦ ᠠᠷᠠᠳ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ | ᠠᠰᠢᠭ ᠲᠤᠰᠠ ᠶᠢ ᠬᠤᠬᠢᠷᠠᠭᠤᠯᠬᠤ ᠪᠤᠶᠤ ᠲᠡᠳᠡ ᠨᠠᠷ ᠤᠨ ᠡᠭᠦᠷᠭᠡ ᠶᠢ ᠨᠡᠮᠡᠭᠳᠡᠭᠦᠯᠵᠦ᠂ ᠨᠡᠶᠢᠭᠡᠮ ᠤᠨ ᠣᠯᠠᠨ ᠲᠦᠮᠡᠨ ᠳᠤ ᠴᠢᠬᠤᠯᠠ ᠨᠥᠯᠥᠭᠡ ᠦᠵᠡᠭᠦᠯᠬᠦ ᠵᠡᠷᠭᠡ | ᠴᠢᠬᠤᠯᠠ ᠶᠡᠭᠡ ᠠᠰᠢᠭ ᠲᠤᠰᠠ ᠳᠤ ᠲᠣᠬᠢᠷᠠᠭᠤᠯᠤᠯᠲᠠ ᠬᠢᠬᠦ ᠵᠦᠢᠯᠡᠰ ᠲᠤ᠂ ᠲᠤᠭᠤᠷᠪᠢᠬᠤ ᠨᠢᠭᠡᠴᠢ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠡᠷᠬᠡᠪᠰᠢ ᠨᠤᠲᠠᠯᠠᠯᠲᠠ ᠬᠢᠬᠦ ᠪᠠ ᠠᠰᠠᠭᠤᠨ ᠯᠠᠪᠯᠠᠵᠤ᠂ ᠬᠤᠯᠪᠣᠭᠳᠠᠯ ᠪᠦᠬᠦᠢ | ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ ᠰᠣᠨᠣᠰᠬᠤ ᠬᠡᠷᠡᠭᠲᠡᠢ᠃ ᠨᠤᠲᠠᠯᠠᠯᠲᠠ ᠬᠢᠵᠦ ᠠᠰᠠᠭᠤᠨ ᠯᠠᠪᠠᠯᠬᠤ ᠳᠤ ᠶᠠᠷᠢᠯᠴᠠᠭᠠᠨ ᠤ ᠬᠤᠷᠠᠯ᠂ ᠨᠤᠲᠠᠯᠠᠯᠲᠠ ᠶᠢᠨ ᠬᠤᠷᠠᠯ᠂ | ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠬᠤ ᠪᠠ ᠨᠠᠶᠢᠳᠠᠨ ᠰᠤᠳᠤᠯᠤᠯᠲᠠ ᠬᠢᠯᠭᠡᠬᠦ ᠵᠡᠷᠭᠡ ᠣᠯᠠᠨ ᠵᠦᠢᠯ ᠤᠨ ᠬᠡᠯᠪᠡᠷᠢ ᠶᠢ ᠬᠡᠷᠡᠭᠯᠡᠵᠦ | ᠪᠣᠯᠣᠨ᠎ᠠ᠃ | ᠭᠤᠷᠪᠠ ᠳᠤ᠂ ᠭᠤᠷᠪᠠᠳᠠᠭᠴᠢ ᠲᠠᠯ᠎ᠠ ᠳᠤ ᠨᠠᠶᠢᠳᠠᠨ ᠲᠤᠭᠤᠷᠪᠢᠬᠤ ᠪᠠ ᠭᠤᠷᠪᠠᠳᠠᠭᠴᠢ ᠲᠠᠯ᠎ᠠ ᠶᠢᠨ ᠬᠢᠨ ᠤ ᠦᠨᠡᠯᠡᠯᠲᠡ ᠵᠢᠱᠢᠯᠲᠡ ᠶᠢ ᠬᠥᠲᠥᠯᠥᠨ ᠣᠷᠣᠭᠤᠯᠬᠤ | ᠳᠦᠷᠢᠮ ᠢ ᠲᠣᠭᠲᠠᠭᠠᠪᠠ᠃ ᠲᠤᠰᠬᠠᠢ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠ ᠵᠠᠰᠠᠭ ᠤᠨ | ᠣᠷᠳᠣᠨ ᠤ ᠳᠦᠷᠢᠮ ᠲᠣᠭᠲᠠᠭᠠᠯ ᠢ ᠲᠤᠭᠤᠷᠪᠢᠬᠤ ᠳᠤ᠂ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠳ᠂ ᠵᠢᠭᠠᠨ ᠰᠤᠷᠭᠠᠯᠲᠠ ᠶᠢᠨ ᠰᠢᠨᠵᠢᠯᠡᠬᠦ ᠤᠬᠠᠭᠠᠨ ᠤ | ᠰᠤᠳᠤᠯᠭᠠᠨ ᠤ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠨᠠᠶᠢᠳᠠᠨ ᠲᠤᠭᠤᠷᠪᠢᠵᠤ ᠪᠣᠯᠣᠨ᠎ᠠ᠃ ᠨᠡᠯᠢᠶᠡᠳ ᠶᠡᠭᠡ ᠮᠠᠷᠭᠤᠯᠳᠤᠭᠠᠨ ᠲᠠᠢ ᠴᠢᠬᠤᠯᠠ | ᠵᠦᠢᠯᠡᠰ ᠲᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ | ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠳ᠂ ᠵᠢᠭᠠᠨ ᠰᠤᠷᠭᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ᠂ ᠨᠡᠶᠢᠭᠡᠮ ᠤᠨ ᠵᠣᠬᠢᠶᠠᠨ | ᠪᠠᠶᠢᠭᠤᠯᠤᠯᠲᠠ ᠳᠤ ᠨᠠᠶᠢᠳᠠᠨ ᠦᠨᠡᠯᠡᠯᠲᠡ ᠵᠢᠱᠢᠯᠲᠡ ᠬᠢᠯᠭᠡᠵᠦ ᠪᠣᠯᠣᠨ᠎ᠠ᠃ | ᠳᠥᠷᠪᠡ ᠳᠤ᠂ ᠬᠠᠤᠯᠢ ᠲᠣᠭᠲᠠᠭᠠᠭᠰᠠᠨ ᠤ ᠳᠠᠷᠠᠭ᠎ᠠ ᠦᠨᠡᠯᠡᠯᠲᠡ ᠵᠢᠱᠢᠯᠲᠡ ᠬᠢᠬᠦ ᠳᠦᠷᠢᠮ ᠢ ᠲᠣᠭᠲᠠᠭᠠᠪᠠ᠃ | ᠬᠥᠲᠥᠯᠥᠭᠴᠢ᠄ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ᠄ ︽ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠠᠷᠠᠳᠴᠢᠯᠠᠯ ᠢᠶᠠᠷ ᠬᠠᠤᠯᠢ | ᠲᠣᠭᠲᠠᠭᠠᠬᠤ᠂ ᠬᠠᠤᠯᠢ ᠶᠣᠰᠣᠭᠠᠷ ᠬᠠᠤᠯᠢ ᠲᠣᠭᠲᠠᠭᠠᠬᠤ ᠶᠢ ᠠᠬᠢᠭᠤᠯᠵᠤ᠂ ᠡᠷᠡᠭᠦᠯ ᠪᠥᠭᠡᠳ ᠠᠰᠢᠭᠲᠠᠢ ᠬᠠᠤᠯᠢ ᠲᠣᠭᠲᠠᠭᠠᠯ ᠢᠶᠠᠷ ᠬᠥᠭᠵᠢᠯᠲᠡ ᠶᠢ ᠠᠬᠢᠭᠤᠯᠤᠨ᠂ | ᠴᠢᠳᠠᠮᠠᠭᠠᠢ ᠪᠠᠷ ᠵᠠᠰᠠᠬᠤ ᠶᠢ ᠪᠠᠲᠤᠯᠠᠬᠤ ᠬᠡᠷᠡᠭᠲᠡᠢ︾ ᠭᠡᠵᠦ ᠳᠤᠷᠠᠳᠤᠨ ᠭᠠᠷᠭᠠᠪᠠ᠃ ᠠᠷᠠᠳᠴᠢᠯᠠᠯ ᠢᠶᠠᠷ ᠬᠠᠤᠯᠢ ᠲᠣᠭᠲᠠᠭᠠᠬᠤ ᠶᠢ ᠠᠬᠢᠭᠤᠯᠬᠤ ᠲᠠᠯ᠎ᠠ ᠪᠠᠷ᠂ ︽ᠳᠡᠰ | ᠳᠠᠷᠠᠭᠠᠯᠠᠯ ᠪᠠ ᠲᠣᠭᠲᠠᠭᠠᠯ︾ ᠳᠤ ᠶᠠᠮᠠᠷ ᠶᠠᠮᠠᠷ ᠪᠣᠳᠠᠲᠠᠢ ᠲᠣᠭᠲᠠᠭᠠᠯ ᠭᠠᠷᠭᠠᠭᠰᠠᠨ ᠪᠣᠢ︖ | ᠵᠢᠶᠠ ᠯᠢ᠄ | ︽ᠳᠠᠰ ᠳᠠᠷᠠᠭᠠᠯᠠᠯ ᠪᠠ ᠲᠣᠭᠲᠠᠭᠠᠯ︾ ᠨᠢ ᠲᠥᠷᠥᠯ ᠵᠦᠢᠯ ᠢ ᠲᠣᠭᠲᠠᠭᠠᠬᠤ᠂ ᠲᠤᠭᠤᠷᠪᠢᠬᠤ᠂ ᠬᠢᠨᠠᠨ ᠪᠠᠶᠢᠴᠠᠭᠠᠬᠤ᠂ ᠨᠡᠶᠢᠲᠡᠯᠡᠬᠦ ᠵᠡᠷᠭᠡ ᠲᠠᠯ᠎ᠠ ᠪᠠᠷ᠂ | ᠠᠷᠠᠳᠴᠢᠯᠠᠯ ᠢᠶᠠᠷ ᠬᠠᠤᠯᠢ ᠲᠣᠭᠲᠠᠭᠠᠬᠤ ᠶᠢ ᠠᠬᠢᠭᠤᠯᠬᠤ ᠲᠤᠬᠠᠢ ᠬᠠᠮᠢᠶ᠎ᠠ ᠪᠦᠬᠦᠢ ᠲᠣᠭᠲᠠᠭᠠᠯ ᠭᠠᠷᠭᠠᠪᠠ᠄ | ᠲᠥᠷᠥᠯ ᠵᠦᠢᠯ ᠢ ᠲᠣᠭᠲᠠᠭᠠᠬᠤ ᠲᠠᠯ᠎ᠠ ᠪᠠᠷ᠂ ᠠᠷᠪᠠᠳᠤᠭᠠᠷ ᠵᠤᠷᠪᠤᠰ ᠲᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠫᠤᠷᠲ᠋ᠧᠯ ᠰᠦᠯᠵᠢᠶ᠎ᠡ ᠪᠤᠶᠤ | ᠪᠤᠰᠤᠳ ᠬᠡᠯᠪᠡᠷᠢ ᠪᠠᠷ ᠳᠠᠮᠵᠢᠭᠤᠯᠤᠨ ᠬᠠᠤᠯᠢ ᠲᠣᠭᠲᠠᠭᠠᠬᠤ ᠲᠥᠯᠥᠪᠯᠡᠭᠡ ᠶᠢᠨ ᠲᠥᠷᠥᠯ ᠵᠦᠢᠯ ᠤᠨ ᠲᠤᠬᠠᠢ ᠰᠠᠨᠠᠭᠤᠯᠭ᠎ᠠ ᠶᠢ ᠨᠡᠶᠢᠭᠡᠮ ᠠᠴᠠ ᠢᠯᠡ ᠪᠠᠷ ᠬᠤᠷᠢᠶᠠᠨ | ᠴᠤᠭᠯᠠᠭᠤᠯᠵᠤ ᠪᠣᠯᠣᠨ᠎ᠠ᠃ | ᠲᠤᠭᠤᠷᠪᠢᠬᠤ ᠲᠠᠯ᠎ᠠ ᠪᠠᠷ᠂ ᠨᠢᠭᠡ ᠳᠤ᠂ ᠬᠠᠤᠯᠢ ᠶᠣᠰᠣᠭᠠᠷ ᠨᠢᠭᠤᠴᠠ ᠶᠢ ᠬᠠᠮᠠᠭᠠᠯᠠᠬᠤ ᠪᠠᠷ ᠱᠠᠭᠠᠷᠳᠠᠵᠤ ᠪᠠᠶᠢᠭ᠎ᠠ ᠠᠴᠠ ᠭᠠᠳᠠᠨ᠎ᠠ᠂ ᠲᠤᠭᠤᠷᠪᠢᠬᠤ | ᠨᠢᠭᠡᠴᠢ ᠠᠴᠠ ᠡᠬᠡ ᠲᠥᠰᠥᠯ ᠵᠢᠴᠢ ᠲᠣᠳᠣᠷᠬᠠᠶᠢᠯᠠᠯᠲᠠ ᠵᠡᠷᠭᠡ ᠶᠢ ᠨᠡᠶᠢᠭᠡᠮ ᠳᠤ ᠨᠡᠶᠢᠲᠡᠯᠡᠵᠦ᠂ ᠰᠠᠨᠠᠯ ᠬᠤᠷᠢᠶᠠᠬᠤ ᠬᠡᠷᠡᠭᠲᠡᠢ᠃ ᠨᠡᠶᠢᠭᠡᠮ ᠳᠤ ᠨᠡᠶᠢᠲᠡᠯᠡᠵᠦ ᠰᠠᠨᠠᠯ | ᠬᠤᠷᠢᠶᠠᠬᠤ ᠬᠤᠭᠤᠴᠠᠭᠠᠨ ᠤ ᠬᠢᠵᠠᠭᠠᠷ ᠨᠢ ᠶᠡᠷᠦᠳᠡ ᠪᠠᠨ ᠭᠤᠴᠢᠨ ᠡᠳᠦᠷ ᠠᠴᠠ ᠳᠤᠲᠠᠭᠤ ᠪᠠᠶᠢᠵᠤ ᠪᠣᠯᠬᠤ ᠦᠭᠡᠢ︔ ᠬᠤᠶᠠᠷ ᠲᠤ᠂ ᠨᠡᠶᠢᠭᠡᠮ ᠤᠨ ᠣᠯᠠᠨ | ᠲᠦᠮᠡᠨ ᠤ ᠨᠡᠶᠢᠳᠡᠮ ᠳᠤ ᠪᠠᠨ ᠠᠩᠬᠠᠷᠤᠯ ᠲᠠᠯᠪᠢᠵᠤ ᠪᠠᠶᠢᠭ᠎ᠠ ᠬᠠᠯᠠᠭᠤᠨ ᠴᠡᠭ ᠤᠨ ᠠᠰᠠᠭᠤᠳᠠᠯ᠂ ᠬᠦᠴᠢᠷᠳᠡᠯ ᠲᠠᠢ ᠠᠰᠠᠭᠤᠳᠠᠯ ᠪᠠ ᠠᠵᠤ ᠠᠬᠤᠢ ᠨᠡᠶᠢᠭᠡᠮ ᠤᠨ | ᠬᠥᠭᠵᠢᠯᠲᠡ ᠳᠤ ᠲᠤᠯᠭᠠᠷᠠᠭᠰᠠᠨ ᠲᠣᠪᠣᠶᠢᠮ᠎ᠠ ᠵᠥᠷᠢᠴᠡᠯ ᠳᠤ ᠬᠤᠯᠪᠣᠭᠳᠠᠵᠤ᠂ ᠡᠷᠬᠡᠲᠦ ᠠᠷᠠᠳ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ | ᠠᠰᠢᠭ ᠲᠤᠰᠠ ᠶᠢ ᠬᠤᠬᠢᠷᠠᠭᠤᠯᠬᠤ ᠪᠤᠶᠤ ᠲᠡᠳᠡ ᠨᠠᠷ ᠤᠨ ᠡᠭᠦᠷᠭᠡ ᠶᠢ ᠨᠡᠮᠡᠭᠳᠡᠭᠦᠯᠵᠦ᠂ ᠨᠡᠶᠢᠭᠡᠮ ᠤᠨ ᠣᠯᠠᠨ ᠲᠦᠮᠡᠨ ᠳᠤ ᠴᠢᠬᠤᠯᠠ ᠨᠥᠯᠥᠭᠡ ᠦᠵᠡᠭᠦᠯᠬᠦ ᠵᠡᠷᠭᠡ | ᠴᠢᠬᠤᠯᠠ ᠶᠡᠭᠡ ᠠᠰᠢᠭ ᠲᠤᠰᠠ ᠳᠤ ᠲᠣᠬᠢᠷᠠᠭᠤᠯᠤᠯᠲᠠ ᠬᠢᠬᠦ ᠵᠦᠢᠯᠡᠰ ᠲᠤ᠂ ᠲᠤᠭᠤᠷᠪᠢᠬᠤ ᠨᠢᠭᠡᠴᠢ ᠠᠴᠠ ᠡᠷᠬᠡᠪᠰᠢ ᠨᠤᠲᠠᠯᠠᠯᠲᠠ ᠬᠢᠬᠦ ᠪᠠ ᠠᠰᠠᠭᠤᠨ ᠯᠠᠪᠯᠠᠵᠤ᠂ | ᠬᠤᠯᠪᠣᠭᠳᠠᠯ ᠪᠦᠬᠦᠢ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ ᠰᠣᠨᠣᠰᠬᠤ ᠬᠡᠷᠡᠭᠲᠡᠢ︔ ᠭᠤᠷᠪᠠ ᠳᠤ᠂ ᠴᠢᠬᠤᠯᠠ ᠶᠡᠭᠡ ᠠᠰᠢᠭ ᠲᠤᠰᠠ ᠳᠤ ᠲᠣᠬᠢᠷᠠᠭᠤᠯᠤᠯᠲᠠ | ᠬᠢᠬᠦ ᠳᠤ ᠬᠤᠯᠪᠣᠭᠳᠠᠬᠤ ᠪᠤᠶᠤ ᠴᠢᠬᠤᠯᠠ ᠶᠡᠭᠡ ᠰᠠᠨᠠᠯ ᠵᠥᠷᠢᠯᠳᠦᠭᠡᠨ ᠣᠷᠣᠰᠢᠵᠤ᠂ ᠡᠷᠬᠡᠲᠦ ᠠᠷᠠᠳ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ | ᠪᠠᠶᠢᠭᠤᠯᠤᠯᠲᠠ ᠶᠢᠨ ᠡᠷᠬᠡ ᠡᠭᠦᠷᠭᠡ ᠳᠤ ᠨᠡᠯᠢᠶᠡᠳ ᠶᠡᠭᠡ ᠨᠥᠯᠥᠭᠡ ᠦᠵᠡᠭᠦᠯᠵᠦ᠂ ᠠᠷᠠᠳ ᠲᠦᠮᠡᠨ ᠠᠴᠠ ᠨᠡᠶᠢᠳᠡᠮ ᠳᠤ ᠪᠠᠨ ᠠᠩᠬᠠᠷᠤᠯ ᠲᠠᠯᠪᠢᠵᠤ᠂ ᠭᠡᠷᠡᠴᠢᠯᠡᠭᠡ | ᠰᠣᠨᠣᠰᠬᠤ ᠴᠢᠬᠤᠯᠠᠲᠠᠢ ᠪᠣᠯ᠂ ᠲᠤᠭᠤᠷᠪᠢᠬᠤ ᠨᠢᠭᠡᠴᠢ ᠠᠴᠠ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠬᠤ ᠬᠡᠷᠡᠭᠲᠡᠢ︔ ᠳᠥᠷᠪᠡ ᠳᠤ᠂ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠠᠵᠤ ᠠᠬᠤᠢ ᠶᠢᠨ ᠠᠵᠢᠯᠯᠠᠭ᠎ᠠ ᠳᠤ ᠬᠤᠯᠪᠣᠭᠳᠠᠭᠰᠠᠨ ᠪᠣᠯ᠂ ᠲᠤᠭᠤᠷᠪᠢᠬᠤ ᠨᠢᠭᠡᠴᠢ ᠠᠴᠠ ᠤᠯᠤᠰ ᠪᠠ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠷᠬᠡ ᠲᠡᠭᠰᠢ ᠪᠠᠷ ᠥᠷᠢᠰᠦᠯᠳᠦᠭᠦᠯᠵᠦ ᠬᠢᠨᠠᠨ ᠪᠠᠶᠢᠴᠠᠭᠠᠬᠤ ᠠᠵᠢᠯᠯᠠᠭ᠎ᠠ ᠶᠢ ᠥᠷᠨᠢᠭᠦᠯᠦᠨ᠂ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠰᠠᠨᠠᠯ ᠢ ᠰᠣᠨᠣᠰᠬᠤ ᠬᠡᠷᠡᠭᠲᠡᠢ᠃ | ᠬᠢᠨᠠᠨ ᠪᠠᠶᠢᠴᠠᠭᠠᠬᠤ ᠲᠠᠯ᠎ᠠ ᠪᠠᠷ᠂ ᠨᠢᠭᠡ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠠᠴᠠ ᠡᠬᠡ ᠲᠥᠰᠥᠯ ᠤᠨ ᠬᠢᠨᠠᠭᠤᠯᠬᠤ ᠨᠣᠣᠷᠠᠭ ᠵᠢᠴᠢ ᠲᠣᠳᠣᠷᠬᠠᠶᠢᠯᠠᠯᠲᠠ ᠳᠤ ᠬᠢᠨᠠᠯᠲᠠ ᠪᠠᠶᠢᠴᠠᠭᠠᠯᠲᠠ ᠬᠢᠬᠦ ᠳᠤ ᠨᠡᠶᠢᠭᠡᠮ ᠳᠤ ᠵᠠᠷᠯᠠᠨ | ᠨᠡᠶᠢᠲᠡᠯᠡᠵᠦ᠂ ᠨᠡᠶᠢᠭᠡᠮ ᠳᠤ ᠵᠠᠷᠯᠠᠨ ᠨᠡᠶᠢᠲᠡᠯᠡᠬᠦ ᠢᠯᠡ ᠪᠠᠷ ᠰᠠᠨᠠᠯ ᠬᠤᠷᠢᠶᠠᠬᠤ ᠬᠤᠭᠤᠴᠠᠭᠠᠨ ᠤ ᠬᠢᠵᠠᠭᠠᠷ ᠨᠢ ᠭᠤᠴᠢᠨ ᠡᠳᠦᠷ ᠠᠴᠠ ᠳᠤᠲᠠᠭᠤ ᠪᠠᠶᠢᠵᠤ ᠪᠣᠯᠬᠤ | ᠦᠭᠡᠢ᠃ ᠬᠤᠶᠠᠷ ᠲᠤ᠂ ᠴᠢᠬᠤᠯᠠ ᠶᠡᠭᠡ ᠠᠰᠢᠭ ᠲᠤᠰᠠ ᠳᠤ ᠲᠣᠬᠢᠷᠠᠭᠤᠯᠤᠯᠲᠠ ᠬᠢᠬᠦ ᠳᠤ ᠬᠤᠯᠪᠣᠭᠳᠠᠭᠰᠠᠨ ᠪᠣᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠨᠤᠲᠠᠯᠠᠯᠲᠠ ᠬᠢᠬᠦ ᠪᠠ ᠠᠰᠠᠭᠤᠨ ᠯᠠᠪᠯᠠᠵᠤ᠂ ᠬᠤᠯᠪᠣᠭᠳᠠᠯ ᠪᠦᠬᠦᠢ | ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ ᠰᠣᠨᠣᠰᠬᠤ ᠬᠡᠷᠡᠭᠲᠡᠢ︔ ᠨᠤᠲᠠᠯᠠᠯᠲᠠ ᠬᠢᠵᠦ ᠠᠰᠠᠭᠤᠨ ᠯᠠᠪᠠᠯᠬᠤ ᠳᠤ ᠶᠠᠷᠢᠯᠴᠠᠭᠠᠨ ᠤ ᠬᠤᠷᠠᠯ᠂ ᠨᠤᠲᠠᠯᠠᠯᠲᠠ ᠶᠢᠨ ᠬᠤᠷᠠᠯ | ᠂ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠬᠤ ᠪᠠ ᠨᠠᠶᠢᠳᠠᠨ ᠰᠤᠳᠤᠯᠤᠯᠲᠠ ᠬᠢᠯᠭᠡᠬᠦ ᠵᠡᠷᠭᠡ ᠣᠯᠠᠨ ᠵᠦᠢᠯ ᠤᠨ ᠬᠡᠯᠪᠡᠷᠢ ᠶᠢ ᠬᠡᠷᠡᠭᠯᠡᠵᠦ ᠪᠣᠯᠣᠨ᠎ᠠ᠃ | ᠵᠠᠷᠯᠠᠨ ᠨᠡᠶᠢᠲᠡᠯᠡᠬᠦ ᠲᠠᠯ᠎ᠠ ᠪᠠᠷ᠂ ᠵᠠᠰᠠᠭ ᠤᠨ ᠣᠷᠳᠣᠨ ᠤ ᠳᠦᠷᠢᠮ ᠲᠣᠭᠲᠠᠭᠠᠯ ᠳᠤ ᠭᠠᠷ ᠤᠨ ᠦᠰᠦᠭ ᠵᠢᠷᠤᠵᠤ ᠵᠠᠷᠯᠠᠨ ᠨᠡᠶᠢᠲᠡᠯᠡᠭᠰᠡᠨ ᠤ ᠳᠠᠷᠠᠭ᠎ᠠ᠂ ᠴᠠᠭ | ᠲᠤᠬᠠᠢ ᠳᠤ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ︾ ︽ᠥᠪᠥᠷ ᠮᠣᠩᠭᠤᠯ ᠤᠨ | ᠡᠳᠦᠷ ᠤᠨ ᠰᠣᠨᠢᠨ︾ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠳᠤ ᠨᠡᠶᠢᠲᠡᠯᠡᠬᠦ ᠬᠡᠷᠡᠭᠲᠡᠢ᠃ ᠨᠡᠶᠢᠲᠡᠯᠡᠬᠦ | ᠦᠶ᠎ᠡ ᠳᠤ᠂ ᠮᠣᠩᠭᠤᠯ᠂ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠬᠡᠷᠡᠭᠯᠡᠬᠦ ᠬᠡᠷᠡᠭᠲᠡᠢ᠃ | ᠬᠥᠲᠥᠯᠥᠭᠴᠢ᠄ | ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠡᠬᠡ ᠲᠥᠰᠥᠯ ᠤᠨ ᠬᠢᠨᠠᠭᠤᠯᠬᠤ ᠨᠣᠣᠷᠠᠭ ᠲᠤ | ᠬᠢᠨᠠᠯᠲᠠ ᠪᠠᠶᠢᠴᠠᠭᠠᠯᠲᠠ ᠬᠢᠬᠦ ᠦᠶ᠎ᠡ ᠳᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠵᠠᠷᠢᠮ ᠴᠢᠬᠤᠯᠠ ᠵᠦᠢᠯᠡᠰ ᠲᠤ ᠠᠳᠠᠯᠢ ᠪᠤᠰᠤ ᠰᠠᠨᠠᠯ ᠲᠠᠢ ᠪᠣᠯ᠂ ᠬᠢᠨᠠᠨ | ᠪᠠᠶᠢᠴᠠᠭᠠᠬᠤ ᠰᠠᠯᠠᠭ᠎ᠠ ᠮᠥᠴᠢᠷ ᠠᠴᠠ ᠬᠡᠷᠬᠢᠨ ᠰᠢᠢᠳᠪᠦᠷᠢᠯᠡᠬᠦ ᠴᠢᠬᠤᠯᠠᠲᠠᠢ ᠪᠣᠢ︖ | ᠵᠢᠶᠠ ᠯᠢ᠄ | ᠡᠨᠡ ᠬᠦ ᠠᠰᠠᠭᠤᠳᠠᠯ ᠤᠨ ᠲᠤᠬᠠᠢ᠂ ︽ᠳᠡᠰ ᠳᠠᠷᠠᠭᠠᠯᠠᠯ ᠪᠠ ᠲᠣᠭᠲᠠᠭᠠᠯ︾ ᠤᠨ 28 ᠳ᠋ᠤᠭᠠᠷ ᠵᠤᠷᠪᠤᠰ ᠲᠤ ︽ᠬᠤᠯᠪᠣᠭᠳᠠᠯ ᠪᠦᠬᠦᠢ ᠪᠠᠶᠢᠭᠤᠯᠭ᠎ᠠ ᠪᠤᠶᠤ | ᠰᠠᠯᠠᠭ᠎ᠠ ᠮᠥᠴᠢᠷ ᠠᠴᠠ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠤᠨ ᠬᠢᠨᠠᠭᠤᠯᠬᠤ ᠨᠣᠣᠷᠠᠭ ᠪᠠ ᠵᠠᠰᠠᠭ ᠤᠨ ᠣᠷᠳᠣᠨ ᠤ ᠳᠦᠷᠢᠮ | ᠲᠣᠭᠲᠠᠭᠠᠯ ᠤᠨ ᠡᠬᠡ ᠲᠥᠰᠥᠯ ᠤᠨ ᠬᠢᠨᠠᠭᠤᠯᠬᠤ ᠨᠣᠣᠷᠠᠭ ᠲᠤ ᠬᠤᠯᠪᠣᠭᠳᠠᠭᠰᠠᠨ ᠭᠤᠣᠯ ᠠᠷᠭ᠎ᠠ ᠬᠡᠮᠵᠢᠶ᠎ᠡ᠂ ᠬᠠᠮᠢᠶᠠᠷᠤᠯᠲᠠ ᠶᠢᠨ ᠪᠠᠶᠢᠭᠤᠯᠤᠯ᠂ ᠡᠷᠬᠡ ᠶᠢᠨ | ᠬᠢᠵᠠᠭᠠᠷ ᠤᠨ ᠬᠤᠪᠢᠶᠠᠷᠢᠯᠠᠯ ᠵᠡᠷᠭᠡ ᠠᠰᠠᠭᠤᠳᠠᠯ ᠳᠤ ᠠᠳᠠᠯᠢ ᠪᠤᠰᠤ ᠰᠠᠨᠠᠯ ᠲᠠᠢ ᠪᠣᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ | ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠵᠣᠬᠢᠴᠠᠭᠤᠯᠤᠯᠲᠠ ᠬᠢᠵᠦ᠂ ᠨᠢᠭᠡᠳᠦᠯᠲᠡᠢ ᠰᠠᠨᠠᠯ ᠢ ᠴᠢᠷᠮᠠᠶᠢᠨ ᠪᠣᠢ ᠪᠣᠯᠭᠠᠬᠤ ᠬᠡᠷᠡᠭᠲᠡᠢ᠃ ᠨᠡᠯᠢᠶᠡᠳ ᠶᠡᠭᠡ | ᠮᠠᠷᠭᠤᠯᠳᠤᠭᠠᠨ ᠲᠠᠢ ᠴᠢᠬᠤᠯᠠ ᠦᠢᠯᠡᠰ ᠲᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠳ᠂ ᠵᠢᠭᠠᠨ ᠰᠤᠷᠭᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ᠂ ᠨᠡᠶᠢᠭᠡᠮ ᠤᠨ | ᠵᠣᠬᠢᠶᠠᠨ ᠪᠠᠶᠢᠭᠤᠯᠤᠯᠲᠠ ᠳᠤ ᠨᠠᠶᠢᠳᠠᠵᠤ ᠦᠨᠡᠯᠡᠯᠲᠡ ᠵᠢᠱᠢᠯᠲᠡ ᠬᠢᠯᠭᠡᠬᠦ ᠬᠡᠷᠡᠭᠲᠡᠢ᠃ | ᠭᠦᠢᠴᠡᠳ ᠵᠣᠬᠢᠴᠠᠭᠤᠯᠤᠯᠲᠠ ᠬᠢᠭᠰᠡᠨ ᠪᠣᠯᠪᠠᠴᠤ ᠨᠢᠭᠡᠳᠦᠯᠲᠡᠢ ᠰᠠᠨᠠᠯ ᠢ ᠪᠣᠢ ᠪᠣᠯᠭᠠᠵᠤ ᠴᠢᠳᠠᠬᠤ ᠦᠭᠡᠢ ᠪᠣᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠭᠤᠣᠯ ᠠᠰᠠᠭᠤᠳᠠᠯ᠂ ᠬᠤᠯᠪᠣᠭᠳᠠᠯ ᠪᠦᠬᠦᠢ ᠪᠠᠶᠢᠭᠤᠯᠤᠮᠵᠢ ᠪᠤᠶᠤ 365赢多少钱会被限额_国内有真正的365平台吗_365bet博彩官网 | ᠰᠠᠯᠠᠭ᠎ᠠ ᠮᠥᠴᠢᠷ ᠤᠨ ᠰᠠᠨᠠᠯ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ | ᠮᠥᠴᠢᠷ ᠤᠨ ᠰᠠᠨᠠᠯ ᠢ ᠴᠠᠭ ᠲᠤᠬᠠᠢ ᠳᠤ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠤᠳᠤᠷᠢᠳᠤᠯᠭ᠎ᠠ ᠳᠤ | ᠮᠡᠳᠡᠭᠦᠯᠦᠨ ᠵᠣᠬᠢᠴᠠᠭᠤᠯᠤᠯᠲᠠ ᠬᠢᠯᠭᠡᠬᠦ᠂ ᠡᠰᠡᠬᠦᠯ᠎ᠡ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠲᠣᠭᠲᠠᠭᠠᠯ ᠭᠠᠷᠭᠠᠯᠭᠠᠬᠤ | ᠬᠡᠷᠡᠭᠲᠡᠢ︾ ᠭᠡᠵᠦ ᠲᠣᠭᠲᠠᠭᠠᠵᠠᠢ᠃ | ᠬᠥᠲᠥᠯᠥᠭᠴᠢ᠄ | ᠬᠠᠤᠯᠢ ᠶᠢ ᠲᠣᠭᠲᠠᠭᠠᠭᠰᠠᠨ ᠤ ᠳᠠᠷᠠᠭ᠎ᠠ ᠦᠨᠡᠯᠡᠯᠲᠡ ᠵᠢᠱᠢᠯᠲᠡ ᠶᠢ ᠥᠷᠨᠢᠭᠦᠯᠬᠦ ᠪᠣᠯ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠬᠦ ᠦᠷ᠎ᠡ | ᠪᠦᠲᠦᠭᠡᠯ ᠢ ᠰᠢᠯᠭᠠᠨ ᠬᠢᠨᠠᠵᠤ ᠪᠠᠷᠢᠮᠵᠢᠶᠠᠯᠠᠬᠤ ᠴᠢᠬᠤᠯᠠ ᠳᠦᠷᠢᠮ ᠪᠣᠯᠣᠨ᠎ᠠ᠃ ᠲᠡᠭᠡᠪᠡᠯ ᠲᠠᠨ ᠤ ᠰᠠᠶ᠋ᠢᠬᠠᠨ ᠳᠤᠷᠠᠳᠤᠭᠰᠠᠨ ︽ᠳᠡᠰ ᠳᠠᠷᠠᠭᠠᠯᠠᠯ ᠪᠠ ᠲᠣᠭᠲᠠᠭᠠᠯ︾ | ᠳᠤ ᠲᠣᠭᠲᠠᠭᠠᠭᠰᠠᠨ ᠬᠠᠤᠯᠢ ᠶᠢ ᠲᠣᠭᠲᠠᠭᠠᠭᠰᠠᠨ ᠤ ᠳᠠᠷᠠᠭ᠎ᠠ ᠦᠨᠡᠯᠡᠯᠲᠡ ᠵᠢᠱᠢᠯᠲᠡ ᠬᠢᠯᠭᠡᠬᠦ ᠳᠦᠷᠢᠮ ᠳᠤ ᠪᠣᠳᠠᠲᠠᠢ ᠪᠠᠷ ᠶᠠᠮᠠᠷ ᠶᠠᠮᠠᠷ ᠲᠣᠭᠲᠠᠭᠠᠯ ᠭᠠᠷᠭᠠᠭᠰᠠᠨ ᠪᠣᠢ︖ | | ᠵᠢᠶᠠ ᠯᠢ᠄ | ᠬᠠᠤᠯᠢ ᠶᠢ ᠲᠣᠭᠲᠠᠭᠠᠭᠰᠠᠨ ᠤ ᠳᠠᠷᠠᠭ᠎ᠠ ᠦᠨᠡᠯᠡᠯᠲᠡ ᠵᠢᠱᠢᠯᠲᠡ ᠬᠢᠯᠭᠡᠬᠦ ᠳᠦᠷᠢᠮ ᠤᠨ ᠲᠤᠬᠠᠢ᠂ ︽ᠳᠡᠰ ᠳᠠᠷᠠᠭᠠᠯᠠᠯ ᠪᠠ ᠲᠣᠭᠲᠠᠭᠠᠯ︾ ᠤᠨ 38᠂ 39᠂ | 40 ᠳ᠋ᠦ᠋ᠭᠡᠷ ᠵᠤᠷᠪᠤᠰ ᠲᠤ ᠪᠣᠳᠠᠲᠠᠢ ᠪᠠᠷ ᠲᠣᠭᠲᠠᠭᠠᠯ ᠭᠠᠷᠭᠠᠪᠠ᠃ | 38 ᠳ᠋ᠤᠭᠠᠷ ᠵᠤᠷᠪᠤᠰ ᠲᠤ ︽ᠬᠠᠤᠯᠢ ᠶᠢ ᠲᠣᠭᠲᠠᠭᠠᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠦᠨᠡᠯᠡᠯᠲᠡ | ᠵᠢᠱᠢᠯᠲᠡ ᠬᠢᠬᠦ ᠶᠢ ᠵᠣᠬᠢᠶᠠᠨ ᠪᠠᠶᠢᠭᠤᠯᠬᠤ ᠶᠢᠨ ᠬᠠᠮᠲᠤ᠂ ᠦᠨᠡᠯᠡᠨ ᠵᠢᠱᠢᠭᠰᠡᠨ ᠦᠷ᠎ᠡ ᠳ᠋ᠦᠩ ᠢᠶᠠᠷ ᠬᠤᠯᠪᠣᠭᠳᠠᠯ ᠪᠦᠬᠦᠢ ᠵᠠᠰᠠᠭ ᠤᠨ ᠣᠷᠳᠣᠨ ᠤ ᠳᠦᠷᠢᠮ | ᠲᠣᠭᠲᠠᠭᠠᠯ ᠳᠤ ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠣᠯᠭᠠᠬᠤ ᠶᠢᠨ ᠴᠢᠬᠤᠯᠠ ᠯᠠᠪᠯᠠᠯᠲᠠ ᠪᠣᠯᠭᠠᠵᠤ ᠪᠣᠯᠣᠨ᠎ᠠ︾ ᠭᠡᠵᠦ ᠲᠣᠭᠲᠠᠭᠠᠵᠠᠢ᠃ | 39 ᠳ᠋ᠦ᠋ᠭᠡᠷ ᠵᠤᠷᠪᠤᠰ ᠲᠤ ︽ᠵᠠᠰᠠᠭ ᠤᠨ ᠣᠷᠳᠣᠨ ᠤ ᠳᠦᠷᠢᠮ ᠲᠣᠭᠲᠠᠭᠠᠯ ᠳᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠬᠡᠷᠡᠭᠵᠢᠭᠦᠯᠬᠦ | ᠪᠠᠶᠢᠭᠤᠯᠭ᠎ᠠ ᠠᠴᠠ ᠬᠠᠤᠯᠢ ᠶᠢ ᠲᠣᠭᠲᠠᠭᠠᠭᠰᠠᠨ ᠤ ᠳᠠᠷᠠᠭ᠎ᠠ ᠦᠨᠡᠯᠡᠯᠲᠡ ᠵᠢᠱᠢᠯᠲᠡ ᠬᠢᠬᠦ ᠶᠢ ᠥᠷᠨᠢᠭᠦᠯᠬᠦ ᠬᠡᠷᠡᠭᠲᠡᠢ︔ ᠴᠢᠬᠤᠯᠠᠲᠠᠢ ᠦᠶ᠎ᠡ ᠳᠤ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ | ᠬᠡᠷᠡᠭᠵᠢᠭᠦᠯᠬᠦ ᠪᠠᠶᠢᠭᠤᠯᠭ᠎ᠠ ᠲᠠᠢ ᠬᠤᠯᠪᠣᠭᠠᠯᠠᠵᠤ ᠪᠠᠶᠢᠭᠠᠳ ᠦᠨᠡᠯᠡᠯᠲᠡ ᠵᠢᠱᠢᠯᠲᠡ ᠬᠢᠬᠦ ᠶᠢ ᠥᠷᠨᠢᠭᠦᠯᠵᠦ ᠪᠣᠯᠣᠨ᠎ᠠ᠄ ︵ᠨᠢᠭᠡ︶ ᠣᠷᠣᠨ ᠨᠤᠲᠤᠭ ᠤᠨ ᠴᠢᠨᠠᠷᠲᠠᠢ | ᠬᠠᠤᠯᠢ ᠲᠣᠭᠲᠠᠭᠠᠯ ᠪᠣᠯᠭᠠᠨ ᠳᠡᠭᠡᠭᠰᠢᠯᠡᠭᠦᠯᠬᠦ ᠪᠠᠷ ᠪᠠᠶᠢᠪᠠᠯ︔ ︵ᠬᠤᠶᠠᠷ︶ ᠴᠢᠬᠤᠯᠠ ᠶᠡᠭᠡ ᠵᠠᠰᠠᠯᠲᠠ ᠥᠭᠡᠷᠡᠴᠢᠯᠡᠯᠲᠡ ᠬᠢᠬᠦ ᠪᠠᠷ ᠪᠠᠶᠢᠪᠠᠯ︔ ︵ᠭᠤᠷᠪᠠ︶ ᠬᠦᠴᠦᠨ | ᠦᠭᠡᠢ ᠪᠣᠯᠭᠠᠬᠤ ᠪᠠᠷ ᠪᠠᠶᠢᠭ᠎ᠠ ᠪᠣᠯᠪᠠᠴᠤ ᠨᠡᠯᠢᠶᠡᠳ ᠶᠡᠭᠡ ᠮᠠᠷᠭᠤᠯᠳᠤᠭᠠᠨ ᠲᠠᠢ ᠪᠠᠶᠢᠪᠠᠯ︔ ︵ᠳᠥᠷᠪᠡ︶ ᠠᠵᠤ ᠠᠬᠤᠢ ᠨᠡᠶᠢᠭᠡᠮ ᠤᠨ ᠬᠥᠭᠵᠢᠯᠲᠡ ᠪᠤᠶᠤ ᠣᠯᠠᠨ | ᠨᠡᠶᠢᠲᠡ ᠶᠢᠨ ᠠᠰᠢᠭ ᠲᠤᠰᠠ ᠲᠠᠢ ᠨᠢᠭᠲᠠ ᠬᠤᠯᠪᠣᠭ᠎ᠠ ᠲᠠᠢ ᠮᠥᠷᠲᠡᠭᠡᠨ ᠬᠡᠷᠡᠭᠵᠢᠭᠦᠯᠦᠭᠡᠳ ᠪᠦᠬᠦᠯᠢ ᠲᠠᠪᠤᠨ ᠵᠢᠯ ᠪᠣᠯᠣᠭᠰᠠᠨ ᠪᠣᠯ︔ ︵ᠲᠠᠪᠤ︶ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠢᠴᠢ ᠨᠡᠶᠢᠭᠡᠮ ᠤᠨ ᠣᠯᠠᠨ ᠲᠦᠮᠡᠨ ᠤ ᠲᠤᠰᠬᠠᠭᠰᠠᠨ | ᠠᠰᠠᠭᠤᠳᠠᠯ ᠨᠢ ᠨᠡᠯᠢᠶᠡᠳ ᠲᠥᠪᠯᠡᠷᠡᠭᠰᠡᠨ ᠪᠣᠯ︔ ︵ᠵᠢᠷᠭᠤᠭ᠎ᠠ︶ ᠦᠨᠡᠯᠡᠯᠲᠡ ᠵᠢᠱᠢᠯᠲᠡ ᠬᠢᠬᠦ ᠴᠢᠬᠤᠯᠠᠲᠠᠢ ᠪᠤᠰᠤᠳ ᠪᠠᠶᠢᠳᠠᠯ ᠣᠷᠣᠰᠢᠵᠤ ᠪᠠᠶᠢᠪᠠᠯ︾ ᠭᠡᠵᠦ | ᠲᠣᠭᠲᠠᠭᠠᠪᠠ᠃ ᠡᠭᠦᠨ ᠤ ᠬᠠᠮᠲᠤ ︽ᠬᠡᠷᠡᠭᠵᠢᠭᠦᠯᠬᠦ ᠪᠠᠶᠢᠭᠤᠯᠭ᠎ᠠ ᠪᠤᠶᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠳ᠂ ᠵᠢᠭᠠᠨ ᠰᠤᠷᠭᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ | ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠨᠠᠶᠢᠳᠠᠵᠤ ᠬᠠᠤᠯᠢ ᠶᠢ ᠲᠣᠭᠲᠠᠭᠠᠭᠰᠠᠨ ᠤ ᠳᠠᠷᠠᠭ᠎ᠠ ᠦᠨᠡᠯᠡᠯᠲᠡ ᠵᠢᠱᠢᠯᠲᠡ ᠬᠢᠯᠭᠡᠵᠦ ᠪᠣᠯᠣᠨ᠎ᠠ︾ ᠭᠡᠵᠦ | ᠲᠣᠭᠲᠠᠭᠠᠵᠠᠢ᠃ 40 ᠳ᠋ᠦ᠋ᠭᠡᠷ ᠵᠤᠷᠪᠤᠰ ᠲᠤ ︽ᠬᠠᠤᠯᠢ ᠶᠢ ᠲᠣᠭᠲᠠᠭᠠᠭᠰᠠᠨ ᠤ ᠳᠠᠷᠠᠭ᠎ᠠ ᠦᠨᠡᠯᠡᠯᠲᠡ ᠵᠢᠱᠢᠯᠲᠡ ᠬᠢᠬᠦ ᠳᠤ ᠵᠠᠰᠠᠭ ᠤᠨ ᠣᠷᠳᠣᠨ ᠤ ᠳᠦᠷᠢᠮ ᠲᠣᠭᠲᠠᠭᠠᠯ | ᠢ ᠲᠣᠭᠲᠠᠭᠠᠭᠰᠠᠨ ᠶᠠᠰᠤ ᠴᠢᠨᠠᠷ᠂ ᠬᠡᠷᠡᠭᠵᠢᠭᠦᠯᠦᠭᠰᠡᠨ ᠠᠵᠢᠯ ᠤᠨ ᠦᠷ᠎ᠡ ᠪᠦᠲᠦᠮᠵᠢ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠨᠥᠯᠥᠭᠡ ᠵᠡᠷᠭᠡ ᠳᠤ ᠪᠠᠶᠢᠴᠠᠭᠠᠯᠲᠠ | ᠬᠢᠬᠦ ᠪᠠ ᠦᠨᠡᠯᠡᠯᠲᠡ ᠵᠢᠱᠢᠯᠲᠡ ᠬᠢᠵᠦ᠂ ᠦᠷᠭᠦᠯᠵᠢᠯᠡᠨ ᠬᠡᠷᠡᠭᠵᠢᠭᠦᠯᠬᠦ᠂ ᠵᠠᠰᠠᠨ ᠥᠭᠡᠷᠡᠴᠢᠯᠡᠬᠦ ᠪᠤᠶᠤ ᠬᠦᠴᠦᠨ ᠦᠭᠡᠢ ᠪᠣᠯᠭᠠᠬᠤ ᠰᠠᠨᠠᠭᠤᠯᠭ᠎ᠠ ᠶᠢ ᠳᠤᠷᠠᠳᠴᠤ᠂ | ᠬᠠᠤᠯᠢ ᠶᠢ ᠲᠣᠭᠲᠠᠭᠠᠭᠰᠠᠨ ᠤ ᠳᠠᠷᠠᠭ᠎ᠠ ᠦᠨᠡᠯᠡᠯᠲᠡ ᠵᠢᠱᠢᠯᠲᠡ ᠬᠢᠭᠰᠡᠨ ᠮᠡᠳᠡᠭᠦᠯᠦᠯᠲᠡ ᠶᠢ ᠪᠦᠷᠢᠯᠳᠦᠭᠦᠯᠬᠦ ᠬᠡᠷᠡᠭᠲᠡᠢ︾ ᠭᠡᠵᠦ ᠲᠣᠭᠲᠠᠭᠠᠵᠠᠢ᠃ | ᠬᠥᠲᠥᠯᠥᠭᠴᠢ᠄ | ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠢᠯᠭᠠᠨ ᠴᠡᠪᠡᠷᠯᠡᠬᠦ ᠠᠵᠢᠯ ᠤᠨ ᠲᠤᠬᠠᠢ᠂ ᠶᠠᠮᠠᠷ ᠶᠠᠮᠠᠷ ᠪᠣᠳᠠᠲᠠᠢ ᠲᠣᠭᠲᠠᠭᠠᠯ ᠪᠠᠶᠢᠬᠤ ᠪᠣᠢ︖ | ᠵᠢᠶᠠ ᠯᠢ᠄ | ︽ᠳᠡᠰ ᠳᠠᠷᠠᠭᠠᠯᠠᠯ ᠪᠠ ᠲᠣᠭᠲᠠᠭᠠᠯ︾ ᠤᠨ 41 ᠳ᠋ᠦ᠋ᠭᠡᠷ ᠵᠤᠷᠪᠤᠰ ᠲᠤ ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠱᠠᠭᠠᠷᠳᠠᠯᠭ᠎ᠠ ᠵᠢᠴᠢ ᠳᠡᠭᠡᠳᠦ ᠪᠠᠶᠢᠷᠢᠨ ᠤ | ᠬᠠᠤᠯᠢ ᠶᠢ ᠲᠣᠭᠲᠠᠭᠠᠭᠰᠠᠨ᠂ ᠵᠠᠰᠠᠨ ᠥᠭᠡᠷᠡᠴᠢᠯᠡᠭᠰᠡᠨ᠂ ᠬᠦᠴᠦᠨ ᠦᠭᠡᠢ ᠪᠣᠯᠭᠠᠭᠰᠠᠨ ᠪᠠᠶᠢᠳᠠᠯ ᠢ ᠦᠨᠳᠦᠰᠦᠯᠡᠨ᠂ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ | ᠢᠯᠭᠠᠨ ᠴᠡᠪᠡᠷᠯᠡᠬᠦ ᠠᠵᠢᠯ ᠢ ᠴᠠᠭ ᠲᠤᠬᠠᠢ ᠳᠤ ᠨᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ︾ ᠭᠡᠵᠦ ᠲᠣᠭᠲᠠᠭᠠᠪᠠ᠃ ᠡᠭᠦᠨ ᠤ ᠬᠠᠮᠲᠤ᠂ 42 ᠳ᠋ᠤᠭᠠᠷ | ᠵᠤᠷᠪᠤᠰ ᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠵᠢᠷᠭᠤᠭᠠᠨ ᠵᠦᠢᠯ ᠤᠨ ᠪᠠᠶᠢᠳᠠᠯ ᠳᠣᠣᠷ᠎ᠠ ᠵᠠᠰᠠᠨ ᠥᠭᠡᠷᠡᠴᠢᠯᠡᠬᠦ ᠪᠠ ᠬᠦᠴᠦᠨ ᠦᠭᠡᠢ ᠪᠣᠯᠭᠠᠬᠤ | ᠰᠠᠨᠠᠭᠤᠯᠭ᠎ᠠ ᠶᠢ ᠴᠠᠭ ᠲᠤᠬᠠᠢ ᠳᠤ ᠨᠢ ᠳᠤᠷᠠᠳᠬᠤ ᠬᠡᠷᠡᠭᠲᠡᠢ᠄ ︵ᠨᠢᠭᠡ︶ ᠰᠢᠨ᠎ᠡ ᠪᠠᠷ ᠲᠣᠭᠲᠠᠭᠠᠭᠰᠠᠨ ᠳᠡᠭᠡᠳᠦ ᠪᠠᠶᠢᠷᠢᠨ ᠤ ᠬᠠᠤᠯᠢ ᠲᠠᠢ ᠡᠰᠡᠷᠭᠦᠴᠡᠯᠳᠦᠬᠦ ᠪᠤᠶᠤ | ᠦᠨᠳᠦᠰᠦᠯᠡᠯ ᠪᠣᠯᠭᠠᠭᠰᠠᠨ ᠳᠡᠭᠡᠳᠦ ᠪᠠᠶᠢᠷᠢᠨ ᠤ ᠬᠠᠤᠯᠢ ᠶᠢ ᠨᠢᠭᠡᠨᠲᠡ ᠵᠠᠰᠠᠨ ᠥᠭᠡᠷᠡᠴᠢᠯᠡᠭᠰᠡᠨ ᠪᠠ ᠬᠦᠴᠦᠨ ᠦᠭᠡᠢ ᠪᠣᠯᠭᠠᠭᠰᠠᠨ ᠪᠣᠯ︔ ︵ᠬᠤᠶᠠᠷ︶ ᠭᠤᠣᠯ | ᠠᠭᠤᠯᠭ᠎ᠠ ᠨᠢ ᠰᠢᠨ᠎ᠡ ᠪᠠᠷ ᠨᠡᠶᠢᠲᠡᠯᠡᠭᠰᠡᠨ ᠬᠠᠤᠯᠢ ᠴᠠᠭᠠᠵᠠ᠂ ᠬᠠᠤᠯᠢ ᠲᠣᠭᠲᠠᠭᠠᠯ ᠢᠶᠠᠷ ᠣᠷᠣᠯᠠᠭᠳᠠᠭᠰᠠᠨ ᠪᠣᠯ︔ ︵ᠭᠤᠷᠪᠠ︶ ᠲᠣᠬᠢᠷᠠᠭᠤᠯᠤᠯᠲᠠ ᠬᠢᠬᠦ ᠡᠲᠡᠭᠡᠳ | ᠨᠢ ᠨᠢᠭᠡᠨᠲᠡ ᠠᠷᠢᠯᠤᠭᠰᠠᠨ ᠪᠤᠶᠤ ᠬᠤᠪᠢᠷᠠᠯᠲᠠ ᠭᠠᠷᠤᠭᠰᠠᠨ ᠪᠣᠯ︔ ︵ᠳᠥᠷᠪᠡ︶ ᠭᠤᠣᠯ ᠴᠣᠭᠴᠠ ᠳᠤ ᠨᠢ ᠬᠤᠪᠢᠷᠠᠯᠲᠠ ᠭᠠᠷᠤᠭᠰᠠᠨ ᠪᠣᠯ︔ ︵ᠲᠠᠪᠤ︶ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠱᠠᠭᠠᠷᠳᠠᠯᠭ᠎ᠠ ᠲᠠᠢ ᠵᠣᠬᠢᠴᠠᠯᠳᠤᠬᠤ ᠦᠭᠡᠢ | ᠪᠣᠯᠣᠭᠰᠠᠨ ᠪᠣᠯ︔ ︵ᠵᠢᠷᠭᠤᠭ᠎ᠠ︶ ᠵᠠᠰᠠᠨ ᠥᠭᠡᠷᠡᠴᠢᠯᠡᠬᠦ ᠪᠠ ᠬᠦᠴᠦᠨ ᠦᠭᠡᠢ ᠪᠣᠯᠭᠠᠬᠤ ᠴᠢᠬᠤᠯᠠᠲᠠᠢ ᠪᠤᠰᠤᠳ ᠪᠠᠶᠢᠳᠠᠯ᠃ | ᠬᠥᠲᠥᠯᠥᠭᠴᠢ᠄ | ᠵᠢᠶᠠ ᠲᠢᠩᠬᠢᠮ ᠤᠨ ᠳᠠᠷᠤᠭ᠎ᠠ ᠶᠢᠨ ᠲᠠᠶᠢᠯᠤᠮᠵᠢ ᠬᠢᠭᠰᠡᠨ ᠳᠤ ᠪᠠᠶᠠᠷᠯᠠᠯ᠎ᠠ᠃ ︽ᠳᠡᠰ ᠳᠠᠷᠠᠭᠠᠯᠠᠯ ᠪᠠ ᠲᠣᠭᠲᠠᠭᠠᠯ︾ ᠤᠨ ᠬᠤᠯᠪᠣᠭᠳᠠᠯ ᠪᠦᠬᠦᠢ ᠠᠭᠤᠯᠭ᠎ᠠ ᠶᠢᠨ | ᠲᠤᠬᠠᠢ ᠶᠠᠷᠢᠯᠴᠠᠭᠠᠨ ᠤ ᠰᠡᠳᠦᠪ ᠨᠢ ᠮᠥᠨ ᠬᠦ ᠮᠠᠰᠢ ᠣᠯᠠᠨ ᠪᠠᠶᠢᠬᠤ ᠪᠣᠯᠪᠠᠴᠤ ᠴᠠᠭ ᠤᠨ ᠬᠠᠷᠠᠭ᠎ᠠ ᠠᠴᠠ ᠪᠣᠯᠵᠤ᠂ ᠥᠨᠥᠳᠥᠷ ᠤᠨ ᠰᠤᠷᠪᠤᠯᠵᠢᠯᠠᠭ᠎ᠠ ᠠᠳᠡ | ᠬᠦᠷᠦᠭᠡᠳ ᠥᠨᠳᠥᠷᠯᠡᠬᠦ ᠪᠣᠯᠣᠯ᠎ᠠ᠃ ᠳᠠᠷᠠᠭᠠᠴᠢ ᠪᠠᠷ ᠲᠣᠬᠢᠶᠠᠯ ᠲᠠᠢ ᠪᠣᠯ ᠰᠦᠯᠵᠢᠶᠡᠨ ᠤ ᠠᠨᠳᠠ ᠨᠠᠷ ᠲᠠᠢ ᠬᠠᠮᠲᠤ ᠪᠠᠷ ᠳᠠᠬᠢᠨ ᠰᠤᠳᠤᠯᠤᠨ ᠶᠠᠷᠢᠯᠴᠠᠵᠠᠭᠠᠶᠠ᠃ | ᠥᠷᠭᠡᠨ ᠣᠯᠠᠨ ᠰᠦᠯᠵᠢᠶᠡᠨ ᠤ ᠠᠨᠳᠠ ᠶᠢᠨ ᠬᠦᠯᠢᠶᠡᠨ ᠠᠪᠴᠤ ᠦᠵᠡᠭᠰᠡᠨ ᠳᠤ ᠪᠠᠶᠠᠷᠯᠠᠯ᠎ᠠ᠂ ᠪᠠᠶᠠᠷᠲᠠᠢ︕ | ᠵᠢᠶᠠ ᠯᠢ᠄ | ᠪᠠᠶᠠᠷᠲᠠᠢ︕ |