ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠨᠥᠯᠥᠭᠡ ᠠᠴᠠ ᠪᠣᠯᠵᠣ᠂ ᠡᠨᠡ ᠵᠢᠯ ᠤᠨ | 1 — 2 ᠳ᠋ᠤᠭᠠᠷ ᠰᠠᠷ᠎ᠠ ᠳᠤ ᠪᠥᠬᠦ ᠣᠷᠣᠨ ᠤ ᠣᠯᠠᠩᠬᠢ ᠭᠤᠤᠯ ᠪᠣᠯᠬᠤ ᠠᠵᠤ ᠠᠬᠤᠶ ᠶᠢᠨ ᠭᠦᠢᠴᠡᠳᠬᠡᠯ ᠲᠣᠭᠠᠨ ᠤ ᠨᠡᠮᠡᠭᠳᠡᠯ ᠤᠨ ᠬᠤᠷᠳᠤᠴᠠ ᠨᠢ ᠲᠦᠷᠦᠭᠦᠤ | ᠵᠢᠯ ᠤᠨ ᠠᠳᠠᠯᠢ ᠬᠤᠭᠤᠴᠠᠭ᠎ᠠ ᠲᠠᠢ ᠬᠠᠷᠢᠴᠠᠭᠤᠯᠪᠠᠯ ᠴᠥᠮ ᠢᠯᠡᠳᠲᠡ ᠪᠠᠭᠤᠷᠠᠭᠰᠠᠨ ᠪᠣᠯᠪᠠᠴᠤ ᠵᠠᠷᠢᠮ ᠬᠦᠷᠢᠶ᠎ᠡ ᠴᠠᠷᠠᠭ᠎ᠠ᠂ ᠠᠵᠢᠯ ᠲᠥᠷᠥᠯ ᠤᠨ ᠳᠣᠲᠣᠭᠠᠳᠤ ᠶᠢᠨ | ᠬᠥᠭᠵᠢᠯᠲᠡ ᠳᠤ ᠮᠦᠨ ᠬᠢᠯᠠᠰ ᠴᠡᠭ ᠢᠯᠡᠷᠡᠪᠡ᠃ | ᠨᠢᠭᠡ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠪᠦᠷᠢᠯᠡᠯ ᠪᠠᠭᠤᠷᠠᠭᠰᠠᠨ ᠪᠣᠯᠪᠠᠴᠤ ᠦᠢᠯᠡᠳᠬᠦ ᠦᠢᠯᠡᠰ ᠤᠨ ᠨᠡᠮᠡᠭᠳᠡᠯ ᠤᠨ ᠬᠠᠨᠳᠤᠰᠢ | ᠨᠡᠯᠢᠶᠡᠳ ᠰᠠᠶᠢᠨ ᠪᠠᠶᠢᠨ᠎ᠠ | 1 — 2 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ | ᠬᠤᠭᠤᠴᠠᠭᠠᠨ ᠤ ᠬᠢ ᠠᠴᠠ 4.7% ᠪᠠᠷ ᠪᠠᠭᠤᠷᠠᠪᠠ᠃ ᠭᠤᠷᠪᠠᠨ ᠶᠡᠭᠡ ᠲᠥᠷᠥᠯ ᠠᠴᠠ ᠠᠪᠴᠤ ᠦᠵᠡᠪᠡᠯ᠂ ᠦᠢᠯᠡᠳᠬᠦ ᠦᠢᠯᠡᠰ ᠤᠨ ᠨᠡᠮᠡᠭᠳᠡᠯ ᠨᠢ ᠠᠳᠠᠯᠢ | ᠬᠤᠭᠤᠴᠠᠭᠠᠨ ᠤ ᠬᠢ ᠠᠴᠠ 4.2% ᠢᠶᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠬᠢ ᠠᠴᠠ 8.9 ᠵᠠᠭᠤᠨ ᠤ ᠴᠡᠭ ᠥᠨᠳᠥᠷ ᠪᠣᠯᠪᠠ︔ | ᠠᠭᠤᠷᠬᠠᠶ ᠮᠠᠯᠲᠠᠬᠤ ᠦᠢᠯᠡᠰ ᠤᠨ ᠬᠢ 16.4% ᠪᠠᠷ ᠪᠠᠭᠤᠷᠠᠪᠠ︔ ᠴᠠᠬᠢᠯᠭᠠᠨ ᠬᠦᠴᠦ᠂ ᠢᠯᠴᠢ ᠶᠢᠨ ᠬᠦᠴᠦ᠂ ᠰᠢᠲᠠᠮᠠᠬᠠᠶ ᠬᠡᠢ ᠵᠢᠴᠢ ᠤᠰᠤᠨ ᠤ ᠦᠢᠯᠡᠳᠪᠦᠷᠢᠯᠡᠯ | ᠪᠠ ᠬᠠᠩᠭᠠᠯᠭ᠎ᠠ ᠶᠢᠨ ᠦᠢᠯᠡᠰ ᠤᠨ ᠬᠢ 0.5% ᠪᠠᠷ ᠨᠡᠮᠡᠭᠳᠡᠪᠡ᠃ ᠬᠡᠰᠡᠭ ᠭᠤᠤᠯ ᠪᠣᠯᠬᠤ ᠠᠵᠢᠯ ᠲᠥᠷᠥᠯ ᠠᠴᠠ ᠠᠪᠴᠤ ᠦᠵᠡᠪᠡᠯ᠂ ᠲᠡᠮᠦᠷᠯᠢᠭ ᠤᠨ ᠪᠤᠰᠤ | ᠬᠦᠳᠡᠷ ᠤᠨ ᠦᠢᠯᠡᠳᠬᠦᠨ ᠤ ᠦᠢᠯᠡᠰ ᠤᠨ ᠬᠢ 53.1% ᠪᠠᠷ ᠨᠡᠮᠡᠭᠳᠡᠪᠡ︔ ᠥᠩᠭᠡᠲᠦ ᠲᠡᠮᠦᠷᠯᠢᠭ ᠬᠠᠶᠢᠯᠤᠭᠤᠯᠬᠤ ᠳᠠᠷᠤᠰᠢᠭᠤᠯᠤᠨ ᠪᠣᠯᠪᠠᠰᠤᠷᠠᠭᠤᠯᠬᠤ ᠠᠵᠤ | ᠦᠢᠯᠡᠰ ᠤᠨ ᠬᠢ 13.8% ᠪᠠᠷ ᠨᠡᠮᠡᠭᠳᠡᠪᠡ︔ ᠬᠠᠷ᠎ᠠ ᠲᠡᠮᠦᠷᠯᠢᠭ ᠬᠠᠶᠢᠯᠤᠭᠤᠯᠤᠨ ᠪᠣᠯᠪᠠᠰᠤᠷᠠᠭᠤᠯᠬᠤ ᠠᠵᠤ ᠦᠢᠯᠡᠰ ᠤᠨ ᠬᠢ 13.8% ᠪᠠᠷ ᠨᠡᠮᠡᠭᠳᠡᠪᠡ᠃ | ᠭᠤᠤᠯ ᠦᠢᠯᠡᠳᠬᠦᠨ ᠤ ᠭᠠᠷᠤᠯᠲᠠ ᠠᠴᠠ ᠦᠵᠡᠪᠡᠯ᠂ ᠴᠠᠬᠢᠯᠭᠠᠨ ᠭᠠᠷᠭᠠᠬᠤ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ | 0.2% ᠨᠡᠮᠡᠭᠳᠡᠵᠦ᠂ ᠪᠣᠯᠣᠳ ᠮᠠᠲ᠋ᠧᠷᠢᠶᠠᠯ ᠤᠨ ᠬᠢ 18.6% ᠨᠡᠮᠡᠭᠳᠡᠵᠦ᠂ ᠠᠷᠪᠠᠨ ᠵᠦᠢᠯ ᠤᠨ ᠥᠩᠭᠡᠲᠦ ᠲᠡᠮᠦᠷᠯᠢᠭ ᠤᠨ ᠬᠢ 16.0% ᠨᠡᠮᠡᠭᠳᠡᠵᠦ᠂ | ᠴᠠᠬᠢᠯᠭᠠᠨ ᠢᠶᠠᠷ ᠵᠠᠳᠠᠯᠬᠤ ᠬᠥᠩᠭᠡᠨ ᠴᠠᠭᠠᠨ ᠤ ᠬᠢ 14.7% ᠨᠡᠮᠡᠭᠳᠡᠵᠦ᠂ ᠴᠠᠭᠠᠨ ᠢᠳᠡᠭᠡᠨ ᠤ ᠬᠢ 10.4% ᠨᠡᠮᠡᠭᠳᠡᠵᠡᠶ︔ ᠲᠠᠯᠠᠰᠲᠤ ᠴᠠᠬᠢᠭᠤᠷ ᠤᠨ ᠮᠠᠲ᠋ᠧᠷᠢᠶᠠᠯ | ᠂ ᠬᠤᠪᠣᠷ ᠰᠢᠷᠣᠶ ᠪᠠ ᠪᠠᠯ ᠴᠢᠯᠠᠭᠤ ᠵᠡᠷᠭᠡ ᠰᠢᠨ᠎ᠡ ᠦᠢᠯᠡᠳᠬᠦᠨ ᠤ ᠭᠠᠷᠤᠯᠲᠠ ᠨᠡᠯᠢᠶᠡᠳ ᠲᠦᠷᠭᠡᠨ ᠨᠡᠮᠡᠭᠳᠡᠵᠦ᠂ ᠳᠠᠩ ᠲᠠᠯᠠᠰᠲᠤ ᠴᠠᠬᠢᠭᠤᠷ ᠤᠨ ᠬᠢ 52.4% 365赢多少钱会被限额_国内有真正的365平台吗_365bet博彩官网 | ᠨᠡᠮᠡᠭᠳᠡᠵᠦ᠂ ᠬᠤᠪᠣᠷ ᠰᠢᠷᠣᠶ ᠶᠢᠨ ᠰᠣᠷᠢᠨᠵᠢᠨ ᠴᠢᠨᠠᠷᠲᠠᠶ ᠮᠠᠲ᠋ᠧᠷᠢᠶᠠᠯ ᠤᠨ ᠬᠢ 102.9% ᠨᠡᠮᠡᠭᠳᠡᠵᠦ᠂ ᠪᠠᠯ ᠴᠢᠯᠠᠭᠤ ᠵᠢᠴᠢ ᠨᠡᠭᠦᠷᠡᠰᠦᠲᠥ᠋ᠷᠥᠭᠴᠢᠲᠦ ᠡᠳ᠋ ᠤᠨ | ᠦᠢᠯᠡᠳᠬᠦᠨ 13.7% ᠨᠡᠮᠡᠭᠳᠡᠪᠡ᠃ | ᠬᠤᠶᠠᠷ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠪᠠᠭᠤᠷᠠᠵᠤ᠂ ᠬᠡᠷ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠠᠯᠠ ᠣᠷᠣᠭᠤᠯᠤᠯᠲᠠ ᠲᠡᠩᠴᠡᠭᠦᠤ | ᠪᠣᠯᠪᠠ | 1 — 2 ᠳ᠋ᠤᠭᠠᠷ ᠰᠠᠷ᠎ᠠ ᠳᠤ᠂ ᠪᠥᠬᠦ ᠣᠷᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ︵ᠲᠠᠷᠢᠶᠠᠴᠢᠨ ᠡᠷᠦᠬᠡ ᠶᠢ ᠪᠠᠭᠲᠠᠭᠠᠬᠤ ᠥᠬᠡᠶ︶ | ᠠᠳᠠᠯᠢ ᠬᠤᠭᠤᠴᠠᠭᠠᠨ ᠤ ᠬᠢ ᠠᠴᠠ 34.9% ᠪᠠᠭᠤᠷᠠᠪᠠ᠃ ᠡᠭᠦᠨ ᠳᠤ᠂ ᠠᠷᠠᠳ ᠤᠨ ᠪᠠᠯᠠ ᠣᠷᠣᠭᠤᠯᠤᠯᠲᠠ 22.4% ᠪᠠᠷ ᠪᠠᠭᠤᠷᠠᠪᠠ᠃ ᠭᠤᠷᠪᠠᠨ ᠠᠵᠤ | ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠠᠯᠠ ᠣᠷᠣᠭᠤᠯᠤᠯᠲᠠ 182.0% ᠢᠶᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ | ᠪᠠᠯᠠ ᠣᠷᠣᠭᠤᠯᠤᠯᠲᠠ 34.6% ᠪᠠᠷ ᠪᠠᠭᠤᠷᠠᠪᠠ︔ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 39.8% ᠪᠠᠷ ᠪᠠᠭᠤᠷᠠᠪᠠ᠃ ᠠᠵᠢᠯ ᠲᠦᠷᠦᠯ ᠢᠶᠠᠷ | ᠬᠤᠪᠢᠶᠠᠵᠤ ᠦᠵᠡᠪᠡᠯ᠂ ᠮᠡᠳᠡᠭᠡ ᠵᠠᠩᠭᠢ ᠶᠢᠨ ᠳᠠᠮᠵᠢᠭᠤᠯᠭ᠎ᠠ᠂ ᠵᠥᠭᠡᠯᠡᠨ ᠲᠤᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠪᠡᠯᠡ | ᠣᠷᠣᠭᠤᠯᠤᠯᠲᠠ 48.9% ᠪᠠᠷ ᠨᠡᠮᠡᠭᠳᠡᠵᠦ᠂ ᠠᠮᠢ ᠠᠬᠤᠶ ᠶᠢᠨ ᠬᠠᠮᠠᠭᠠᠯᠠᠯᠲᠠ ᠪᠠ ᠣᠷᠴᠢᠨ ᠲᠣᠭᠤᠷᠢᠨ ᠤ ᠵᠠᠰᠠᠯᠲᠠ ᠶᠢᠨ ᠦᠢᠯᠡᠰ ᠤᠨ ᠪᠡᠯᠡ ᠣᠷᠣᠭᠤᠯᠤᠯᠲᠠ 32. | 6% ᠪᠠᠷ ᠨᠡᠮᠡᠭᠳᠡᠪᠡ᠃ 1 — 2 ᠳ᠋ᠤᠭᠠᠷ ᠰᠠᠷ᠎ᠠ ᠳᠤ᠂ ᠪᠥᠬᠦ ᠣᠷᠣᠨ ᠤ ᠬᠡᠷ ᠭᠠᠵᠠᠷ ᠬᠥᠷᠥᠩᠭᠡ ᠶᠢᠨ ᠨᠡᠭᠡᠭᠡᠯᠲᠡ ᠶᠢᠨ ᠪᠠᠯᠠ ᠣᠷᠣᠭᠤᠯᠤᠯᠲᠠ ᠳᠡᠭᠡᠷ᠎ᠡ ᠵᠢᠯ ᠤᠨ | ᠠᠳᠠᠯᠢ ᠬᠤᠭᠤᠴᠠᠭᠠᠨ ᠤ ᠬᠢ ᠲᠠᠢ ᠲᠡᠩᠴᠡᠭᠦᠤ ᠪᠣᠯᠪᠠ᠃ ᠲᠠᠸᠠᠷ ᠤᠨ ᠬᠡᠷ ᠪᠠᠶᠢᠰᠢᠩ ᠤᠨ ᠪᠣᠷᠣᠯᠠᠭᠤᠯᠤᠭᠰᠠᠨ ᠲᠠᠯᠠᠪᠠᠶ 23.9 ᠲᠦᠮᠡᠨ ᠲᠡᠭᠰᠢ ᠳᠥᠷᠪᠡᠯᠵᠢᠨ ᠮᠧᠲᠷ | ᠪᠠᠶᠢᠵᠤ᠂ ᠠᠳᠠᠯᠢ ᠬᠤᠭᠤᠴᠠᠭᠠᠨ ᠤ ᠬᠢ ᠠᠴᠠ 37.7% ᠪᠠᠷ ᠪᠠᠭᠤᠷᠠᠪᠠ︔ ᠲᠠᠸᠠᠷ ᠤᠨ ᠬᠡᠷ ᠪᠠᠶᠢᠰᠢᠩ ᠤᠨ ᠪᠣᠷᠣᠯᠠᠭᠤᠯᠤᠯᠲᠠ ᠶᠢᠨ ᠬᠡᠮᠵᠢᠶ᠎ᠡ 16.1 ᠳ᠋ᠦᠩᠰᠢᠭᠤᠷ | ᠲᠥᠭᠦᠷᠢᠭ ᠪᠣᠯᠵᠤ᠂ 29.6% ᠪᠠᠷ ᠪᠠᠭᠤᠷᠠᠪᠠ᠃ | ᠭᠤᠷᠪᠠ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠪᠠᠭᠠᠰᠤᠭᠰᠠᠨ ᠪᠣᠯᠪᠠᠴᠤ ᠰᠦᠯᠵᠢᠶ᠎ᠡ ᠪᠠᠷ ᠵᠢᠵᠢᠭᠯᠡᠨ ᠬᠤᠳᠠᠯᠳᠤᠬᠤ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ | ᠪᠠᠶᠢᠳᠠᠯ ᠤᠨ ᠬᠢ ᠨᠡᠮᠡᠭᠳᠡᠪᠡ 365赢多少钱会被限额_国内有真正的365平台吗_365bet博彩官网 | 1 — 2 ᠳ᠋ᠤᠭᠠᠷ ᠰᠠᠷ᠎ᠠ ᠳᠤ᠂ ᠪᠥᠬᠦ ᠣᠷᠣᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠠᠳᠠᠯᠢ | ᠬᠤᠭᠤᠴᠠᠭᠠᠨ ᠤ ᠬᠢ ᠠᠴᠠ 24.8% ᠪᠠᠷ ᠪᠠᠭᠤᠷᠠᠪᠠ᠃ ᠡᠭᠦᠨ ᠳᠤ᠂ ᠬᠢᠵᠠᠭᠠᠷᠲᠤ ᠲᠤᠭ᠎ᠠ ᠠᠴᠠ ᠳᠡᠭᠡᠭᠰᠢᠬᠢ ᠨᠢᠭᠡᠴᠢ ᠶᠢᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠲᠤᠭ᠎ᠠ 33.3% ᠪᠠᠷ ᠪᠠᠭᠤᠷᠠᠪᠠ᠃ ᠬᠡᠷᠡᠭᠯᠡᠭᠡᠨ ᠤ ᠲᠦᠷᠦᠯ ᠵᠦᠢᠯ ᠢᠶᠠᠷ ᠬᠤᠪᠢᠶᠠᠪᠠᠯ᠂ ᠲᠠᠸᠠᠷ ᠤᠨ ᠵᠢᠵᠢᠭᠯᠡᠨ ᠬᠤᠳᠠᠯᠳᠤᠬᠤ ᠬᠡᠮᠵᠢᠶ᠎ᠡ 18.6% | ᠪᠠᠭᠤᠷᠠᠵᠤ᠂ ᠢᠳᠡᠭᠡᠨ ᠤᠮᠳᠠᠭᠠᠨ ᠤ ᠣᠷᠣᠯᠭ᠎ᠠ 59.8% ᠪᠠᠷ ᠪᠠᠭᠤᠷᠠᠪᠠ᠃ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠪᠣᠷᠣᠯᠠᠭᠤᠯᠤᠯᠲᠠ ᠪᠠ ᠪᠣᠳᠠᠲᠤ | ᠲᠠᠸᠠᠷ ᠢ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠬᠡᠮᠵᠢᠶ᠎ᠡ ᠨᠡᠮᠡᠭᠳᠡᠯ ᠢᠶᠠᠨ ᠪᠠᠲᠤᠯᠠᠪᠠ᠃ ᠬᠢᠵᠠᠭᠠᠷᠲᠤ ᠲᠤᠭ᠎ᠠ ᠠᠴᠠ ᠳᠡᠭᠡᠭᠰᠢᠬᠢ ᠨᠢᠭᠡᠴᠢ ᠶᠢᠨ ᠠᠮᠤ ᠳᠤᠰᠤ᠂ | ᠢᠳᠡᠭᠡᠨ ᠤ ᠵᠦᠢᠯ ᠪᠠ ᠤᠮᠳᠠᠭᠠᠨ ᠤ ᠵᠦᠢᠯ ᠨᠢ ᠲᠤᠰ ᠲᠤᠰ 25.2% ᠪᠠ | 4.5% ᠪᠠᠷ ᠨᠡᠮᠡᠭᠳᠡᠪᠡ︔ ᠬᠢᠵᠠᠭᠠᠷᠲᠤ ᠲᠤᠭ᠎ᠠ ᠠᠴᠠ ᠳᠡᠭᠡᠭᠰᠢᠬᠢ ᠨᠢᠭᠡᠴᠢ ᠶᠢᠨ ᠰᠦᠯᠵᠢᠶ᠎ᠡ ᠪᠠᠷ ᠳᠠᠮᠵᠢᠨ ᠪᠡᠶᠡᠯᠡᠭᠦᠯᠦᠭᠰᠡᠨ ᠲᠠᠸᠠᠷ ᠤᠨ ᠵᠢᠵᠢᠭᠯᠡᠨ ᠬᠤᠳᠠᠯᠳᠤᠭᠰᠠᠨ | ᠲᠤᠭ᠎ᠠ ᠨᠢ 12.0% ᠪᠠᠷ ᠨᠡᠮᠡᠭᠳᠡᠪᠡ᠃ ᠬᠤᠯᠪᠣᠯᠳᠤᠭᠰᠠᠨ ᠡᠵᠡᠩᠨᠡᠯᠲᠡ ᠶᠢᠨ ᠵᠠᠭᠪᠤᠷ ᠢᠶᠠᠷ ᠡᠵᠡᠩᠨᠡᠭᠰᠡᠨ ᠬᠢᠵᠠᠭᠠᠷᠲᠤ ᠲᠤᠭ᠎ᠠ ᠠᠴᠠ ᠳᠡᠭᠡᠭᠰᠢᠬᠢ ᠠᠵᠤ | ᠠᠬᠤᠶᠢᠯᠠᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 4.4% ᠪᠠᠷ | ᠨᠡᠮᠡᠭᠳᠡᠪᠡ᠃ | ᠲᠦᠷᠪᠡ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠨᠡᠯᠢᠶᠡᠳ ᠲᠦᠷᠭᠡᠨ ᠥᠰᠴᠦ᠂ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ | ᠦᠢᠯᠡᠳᠪᠦᠷᠢ ᠠᠴᠠ ᠭᠠᠷᠭᠠᠬᠤ ᠦᠨ᠎ᠡ ᠦᠷᠭᠦᠯᠵᠢᠯᠡᠨ ᠥᠰᠪᠡ | 1 — 2 ᠳ᠋ᠤᠭᠠᠷ ᠰᠠᠷ᠎ᠠ ᠳᠤ᠂ ᠪᠥᠬᠦ ᠣᠷᠣᠨ ᠤ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠠᠳᠠᠯᠢ ᠬᠤᠭᠤᠴᠠᠭᠠᠨ ᠤ ᠬᠢ ᠠᠴᠠ 4.0% ᠪᠠᠷ | ᠥᠰᠴᠦ᠂ ᠥᠰᠥᠯᠲᠡ ᠶᠢᠨ ᠬᠡᠮᠵᠢᠶ᠎ᠡ ᠨᠢ ᠲᠦᠷᠦᠭᠦᠤ ᠵᠢᠯ ᠤᠨ ᠠᠳᠠᠯᠢ ᠬᠤᠭᠤᠴᠠᠭᠠᠨ ᠤ ᠪᠠ ᠲᠦᠷᠦᠭᠦᠤ ᠵᠢᠯ ᠤᠨ ᠪᠥᠬᠦ ᠵᠢᠯ ᠤᠨ ᠬᠢ ᠠᠴᠠ ᠲᠣᠰ ᠲᠣᠰ 2.5 ᠪᠠ | 1.6 ᠵᠠᠭᠤᠨ ᠤ ᠴᠡᠭ ᠥᠨᠳᠥᠷ ᠪᠣᠯᠣᠭᠰᠠᠨ ᠪᠣᠯᠪᠠᠴᠤ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 1.3 ᠵᠠᠭᠤᠨ ᠤ ᠴᠡᠭ ᠳᠣᠤᠷ᠎ᠠ ᠪᠣᠯᠪᠠ᠃ ᠡᠭᠦᠨ ᠳᠤ᠂ | ᠬᠤᠲᠠ ᠶᠢᠨ ᠬᠢ 3.7% ᠪᠠᠷ ᠥᠰᠴᠦ᠂ ᠮᠠᠯᠵᠢᠬᠤ ᠲᠠᠷᠢᠶᠠᠯᠠᠬᠤ ᠣᠷᠣᠨ ᠤ ᠬᠢ 4.9% ᠪᠠᠷ ᠥᠰᠴᠡᠶ᠃ ᠨᠠᠢᠮᠠᠨ ᠶᠡᠭᠡ ᠲᠥᠷᠥᠯ ᠤᠨ ᠦᠨ᠎ᠡ ᠬᠠᠩᠰᠢ | ᠪᠦᠬᠦᠨ ᠢᠶᠠᠷ ᠢᠶᠠᠨ ᠥᠰᠴᠡᠶ᠂ ᠡᠭᠦᠨ ᠳᠤ ᠢᠳᠡᠭᠡᠨ ᠲᠠᠮᠠᠬᠢ ᠠᠷᠢᠬᠢᠨ ᠤ ᠲᠥᠷᠥᠯ ᠤᠨ ᠬᠢ 10.7% ᠪᠠᠷ ᠥᠰᠴᠦ᠂ ᠡᠮ ᠡᠮᠨᠡᠯᠭᠡ ᠡᠷᠡᠭᠦᠯᠵᠢᠯ ᠤᠨ ᠲᠥᠷᠥᠯ ᠤᠨ | ᠬᠢ 3.5% ᠪᠠᠷ ᠥᠰᠴᠡᠶ᠃ 1 — 2 ᠳ᠋ᠤᠭᠠᠷ ᠰᠠᠷ᠎ᠠ ᠳᠤ᠂ ᠪᠥᠬᠦ ᠣᠷᠣᠨ ᠤ ᠠᠵᠤ ᠦᠢᠯᠡᠳᠪᠦᠷᠢ ᠶᠢᠨ ᠦᠢᠯᠡᠳᠪᠦᠷᠢᠯᠡᠭᠴᠢᠳ ᠤᠨ ᠦᠢᠯᠡᠳᠪᠦᠷᠢ ᠠᠴᠠ | ᠭᠠᠷᠭᠠᠬᠤ ᠦᠨ᠎ᠡ ᠠᠳᠠᠯᠢ ᠬᠤᠭᠤᠴᠠᠭᠠᠨ ᠤ ᠬᠢ ᠠᠴᠠ 2.1% ᠪᠠᠷ ᠥᠰᠴᠦ᠂ ᠲᠦᠷᠦᠭᠦᠤ ᠵᠢᠯ ᠤᠨ ᠠᠳᠠᠯᠢ ᠬᠤᠭᠤᠴᠠᠭᠠᠨ ᠤ ᠬᠢ ᠠᠴᠠ | 1.5 ᠵᠠᠭᠤᠨ ᠤ ᠴᠡᠭ ᠳᠡᠭᠡᠭᠰᠢᠯᠡᠪᠡ᠃ ᠬᠡᠳᠦ᠋ᠢᠪᠡᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠨᠢ ᠪᠦᠬᠦ ᠣᠷᠣᠨ ᠤ ᠠᠵᠤ ᠠᠬᠤᠶ ᠳᠤ | ᠨᠡᠯᠢᠶᠡᠳ ᠶᠡᠭᠡ ᠨᠥᠯᠥᠭᠡ ᠦᠵᠡᠭᠦᠯᠦᠭᠰᠡᠨ ᠪᠣᠯᠪᠠᠴᠤ ᠪᠦᠬᠦ ᠤᠯᠤᠰ ᠪᠣᠯᠤᠨ ᠪᠦᠬᠦ ᠣᠷᠣᠨ ᠤ ᠪᠠᠶᠢᠳᠠᠯ ᠠᠴᠠ ᠦᠵᠡᠪᠡᠯ ᠨᠥᠯᠥᠭᠡ ᠨᠢ ᠣᠬᠤᠷ ᠬᠤᠭᠤᠴᠠᠭᠠᠨ ᠤ | ᠪᠥᠭᠡᠳ ᠡᠵᠡᠮᠳᠡᠵᠦ ᠪᠣᠯᠬᠤ ᠶᠤᠮ᠂ ᠪᠦᠬᠦ ᠣᠷᠣᠨ ᠤ ᠠᠵᠤ ᠠᠬᠤᠢ ᠶᠢᠨ ᠠᠵᠢᠯᠯᠠᠭᠠᠨ ᠲᠣᠭᠲᠠᠭᠤᠨ ᠬᠥᠭᠵᠢᠯᠲᠡ ᠶᠢ ᠪᠠᠲᠤᠯᠠᠬᠤ ᠪᠠᠶᠢᠳᠠᠯ ᠬᠤᠪᠢᠷᠠᠭ᠎ᠠ ᠦᠭᠡᠢ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠠᠯᠬᠤᠮ ᠠᠯᠬᠤᠮ ᠢᠶᠠᠷ ᠰᠠᠶᠢᠵᠢᠷᠠᠵᠤ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ | ᠰᠡᠷᠭᠦᠭᠡᠬᠦ ᠠᠷᠭ᠎ᠠ ᠬᠡᠮᠵᠢᠶ᠎ᠡ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠳᠠᠭᠠᠯᠳᠤᠨ᠂ ᠠᠵᠤ ᠠᠬᠤᠶ ᠨᠡᠶᠢᠭᠡᠮ ᠤᠨ ᠠᠵᠢᠯᠯᠠᠭᠠᠨ ᠤ ᠡᠮᠬᠢ ᠳᠢᠭᠯᠢᠮ ᠠᠯᠬᠤᠮ | ᠠᠯᠬᠤᠮ ᠢᠶᠠᠷ ᠰᠡᠷᠭᠦᠬᠦ ᠪᠣᠯᠤᠨ᠎ᠠ᠃ ᠲᠠᠷᠠᠭᠠᠴᠢ ᠶᠢᠨ ᠠᠯᠬᠤᠮ ᠳᠤ᠂ ᠪᠥᠬᠦ ᠣᠷᠣᠨ ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠳ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠣᠷᠣᠨ ᠬᠤᠪᠢᠶᠠᠵᠦ ᠱᠠᠲᠤ ᠬᠤᠪᠢᠶᠠᠨ᠂ ᠯᠠᠪᠳᠠᠭᠤᠨ | ᠪᠠᠳᠤᠲᠠᠢ ᠡᠮᠬᠢ ᠵᠢᠷᠤᠮ ᠲᠠᠢ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ | ᠲᠥᠯᠥᠪᠵᠢᠭᠦᠯᠦᠨ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠪᠠᠨ ᠰᠡᠷᠭᠦᠭᠡᠬᠦ᠂ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠠᠬᠢᠴᠠ ᠶᠢ | ᠲᠦᠷᠭᠡᠳᠬᠡᠬᠦ᠂ ᠬᠡᠷᠡᠭᠯᠡᠭᠡ ᠶᠢ ᠠᠬᠢᠭᠤᠯᠬᠤ ᠵᠡᠷᠭᠡ ᠲᠠᠯ᠎ᠠ ᠪᠠᠷ ᠬᠦᠴᠦ ᠲᠠᠯᠪᠢᠬᠤ ᠳᠤ ᠥᠷᠭᠦᠯᠵᠢᠯᠡᠨ ᠲᠥᠷᠥ ᠶᠢᠨ ᠪᠣᠳᠣᠯᠭ᠎ᠠ ᠶᠢᠨ ᠬᠠᠪᠰᠤᠷᠤᠯᠭ᠎ᠠ ᠳᠡᠮᠵᠢᠯᠭᠡ | ᠦᠵᠡᠭᠦᠯᠵᠦ᠂ ᠠᠵᠤ ᠠᠬᠤᠶ ᠨᠡᠶᠢᠭᠡᠮ ᠤᠨ ᠡᠮᠬᠢ ᠳᠢᠭᠯᠢᠮ ᠢ ᠲᠦᠷᠭᠡᠬᠡᠨ ᠰᠡᠷᠭᠦᠭᠡᠵᠦ᠂ ᠲᠣᠭᠲᠠᠭᠤᠨ ᠪᠥᠭᠡᠳ ᠡᠷᠡᠭᠦᠯ ᠬᠥᠭᠵᠢᠯᠲᠡ ᠶᠢ ᠪᠡᠶᠡᠯᠡᠭᠦᠯᠬᠦ ᠬᠡᠷᠡᠭᠲᠡᠶ᠃ |