内蒙古自治区人民政府 365赢多少钱会被限额_国内有真正的365平台吗_365bet博彩官网

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠭᠠᠳᠠᠭᠠᠳᠤ ᠪᠡᠯᠡ ᠶᠢ ᠢᠳᠡᠪᠬᠢᠲᠡᠢ ᠪᠦᠭᠡᠳ ᠪᠦᠲᠦᠮᠵᠢᠲᠡᠢ ᠠᠰᠢᠭᠯᠠᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠬᠦ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
        ᠨᠡᠶᠢᠲᠡᠯᠡᠭᠰᠡᠨ ᠴᠠᠭ᠄
        2020/3/19
                               ᠥᠪᠥᠷ ᠵᠠᠰᠠᠭ ᠲᠠᠷᠬᠠᠭᠠᠭᠰᠠᠨ ﹇2019﹈ 13 ᠳ᠋ᠤᠭᠠᠷ ᠲᠤᠭᠠᠳᠤ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ᠪᠥᠬᠦ ᠲᠠᠯ᠎ᠠ ᠪᠠᠷ ᠨᠡᠭᠡᠭᠡᠯᠲᠡ ᠲᠠᠢ ᠪᠠᠶᠢᠬᠤ ᠰᠢᠨ᠎ᠠ ᠪᠠᠶᠢᠷᠢᠰᠢᠯ ᠤᠨ ᠪᠦᠷᠢᠯᠳᠦᠬᠦ ᠶᠢ ᠠᠬᠢᠭᠤᠯᠬᠤ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠷ ᠬᠢᠷᠢ ᠲᠦᠪᠰᠢᠨ ᠲᠠᠢ ᠪᠡᠯᠡ ᠣᠷᠣᠭᠤᠯᠤᠯᠲᠠ ᠳᠤ ᠴᠢᠯᠦᠭᠡᠲᠡᠢ ᠪᠠ ᠲᠥᠬᠦᠮ ᠠᠪᠰᠠᠷᠬᠠᠨ ᠪᠠᠶᠢᠯᠭᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠂ ᠨᠡᠩ ᠢᠯᠡᠭᠦᠦ ᠡᠷᠬᠡ ᠲᠡᠭᠰᠢ ᠢᠯᠡ ᠲᠣᠳᠣ ᠪᠥᠭᠡᠳ ᠲᠥᠬᠦᠮ ᠠᠪᠰᠠᠷᠬᠠᠨ ᠪᠡᠯᠡ ᠣᠷᠣᠭᠤᠯᠬᠤ ᠣᠷᠴᠢᠨ ᠨᠥᠬᠦᠴᠡᠯ ᠢ ᠪᠣᠢ ᠪᠣᠯᠭᠠᠵᠤ᠂ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠣᠷᠣᠭᠤᠯᠤᠯᠲᠠ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠬᠤ ᠶᠢᠨ ᠲᠤᠰᠠᠳᠠ᠂ ︽ᠭᠠᠳᠠᠭᠠᠳᠤ ᠪᠡᠯᠡ ᠶᠢ ᠢᠳᠡᠪᠬᠢᠲᠡᠢ ᠪᠦᠭᠡᠳ ᠪᠦᠲᠦᠮᠵᠢᠲᠡᠢ ᠠᠰᠢᠭᠯᠠᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠬᠦ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠤᠨ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ ﹇2018﹈ 19 ᠳ᠋ᠤᠭᠡᠷ ᠲᠣᠭᠠᠲᠤ︶ ᠤᠨ ᠵᠣᠷᠢᠭ ᠰᠠᠨᠠᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠡᠳᠦᠭᠡ ᠭᠠᠳᠠᠭᠠᠳᠤ ᠪᠡᠯᠡ ᠶᠢ ᠢᠳᠡᠪᠬᠢᠲᠡᠢ ᠪᠦᠭᠡᠳ ᠪᠦᠲᠦᠮᠵᠢᠲᠡᠢ ᠠᠰᠢᠭᠯᠠᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠬᠦ ᠶᠢ ᠠᠬᠢᠭᠤᠯᠬᠤ ᠬᠤᠯᠪᠣᠭᠳᠠᠯ ᠪᠦᠬᠦᠢ ᠤᠴᠢᠷ ᠤᠳ ᠢ ᠳᠣᠣᠷᠠᠬᠢ ᠮᠡᠲᠦ ᠮᠡᠳᠡᠭᠳᠡᠪᠡ᠄      ᠨᠢᠭᠡ᠂ ᠨᠡᠭᠡᠭᠡᠯᠲᠡ ᠬᠢᠬᠦ ᠬᠦᠷᠢᠶ᠎ᠡ ᠴᠠᠷᠠᠭ᠎ᠠ ᠶᠢ ᠢᠳᠡᠪᠬᠢᠲᠡᠢ ᠥᠷᠭᠡᠳᠬᠡᠨ᠂ ᠪᠡᠯᠡ ᠣᠷᠣᠭᠤᠯᠤᠯᠲᠠ ᠶᠢᠨ ᠴᠢᠯᠥᠭᠡᠲᠡᠢ ᠪᠠᠶᠢᠯᠭᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ      ︵ᠨᠢᠭᠡ︶ ᠵᠥᠪᠰᠢᠶᠡᠷᠡᠨ ᠣᠷᠣᠭᠤᠯᠬᠤ ᠠᠴᠠ ᠤᠷᠢᠳᠤᠬᠢ ᠤᠯᠤᠰ ᠠᠷᠠᠳ ᠤᠨ ᠬᠠᠷᠠᠭᠠᠯᠵᠠᠯ ᠳᠤ ᠠᠯᠳᠠᠭᠳᠠᠯ ᠲᠠᠢ ᠵᠦᠢᠯᠡᠰ ᠤᠨ ᠨᠠᠷᠢᠨ ᠬᠠᠭᠤᠳᠠᠰᠤ ᠨᠡᠮᠡᠷᠢᠯᠡᠬᠦ ᠬᠠᠮᠢᠶᠠᠷᠤᠯᠲᠠ ᠶᠢᠨ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠤᠷᠤᠭᠤᠯᠬᠤ ᠵᠦᠪᠰᠢᠶᠡᠷᠡᠯ ᠤᠨ ᠣᠨᠴᠠᠭᠠᠢ ᠬᠠᠮᠢᠶᠠᠷᠤᠯᠲᠠ ᠶᠢᠨ ᠠᠷᠭ᠎ᠠ ᠬᠡᠮᠵᠢᠶ᠎ᠡ ︵ᠠᠯᠳᠠᠭᠳᠠᠯ ᠲᠠᠢ ᠵᠦᠢᠯᠡᠰ ᠤᠨ ᠨᠠᠷᠢᠨ ᠬᠠᠭᠤᠳᠠᠰᠤ︶ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠤᠬᠠᠭᠤᠯᠵᠤ ᠲᠠᠶᠢᠯᠬᠤ ᠠᠵᠢᠯ ᠢ ᠴᠢᠩᠭᠠᠳᠬᠠᠵᠤ᠂ ᠨᠡᠭᠡᠭᠡᠯᠲᠡ ᠬᠢᠬᠦ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠠᠯᠳᠠᠭᠳᠠᠯ ᠲᠠᠢ ᠵᠦᠢᠯᠡᠰ ᠤᠨ ᠨᠠᠷᠢᠨ ᠬᠠᠭᠤᠳᠠᠰᠤᠨ ᠠᠴᠠ ᠪᠤᠰᠤᠳ ᠬᠦᠷᠢᠶᠡᠨ ᠳᠤ᠂ ᠡᠯ᠎ᠡ ᠭᠠᠵᠠᠷ ᠣᠷᠣᠨ ︵ᠨᠡᠭᠡᠭᠡᠯᠲᠡ ᠶᠢᠨ ᠲᠣᠭᠤᠷᠢᠭ︶᠂ ᠡᠯ᠎ᠡ ᠰᠠᠯᠠᠭ᠎ᠠ ᠮᠥᠴᠢᠷ ᠨᠢ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠤᠷᠤᠭᠤᠯᠬᠤ ᠵᠦᠪᠰᠢᠶᠡᠷᠡᠯ ᠳᠤ ᠴᠢᠭᠯᠡᠭᠦᠯᠦᠭᠰᠡᠨ ᠲᠤᠰᠬᠠᠢ ᠬᠢᠵᠠᠭᠠᠷᠯᠠᠯ ᠭᠠᠷᠭᠠᠵᠤ ᠪᠣᠯᠬᠤ ᠦᠭᠡᠢ᠂ ᠳᠣᠲᠣᠭᠠᠳᠤ ᠭᠠᠳᠠᠭᠠᠳᠤ ᠶᠢᠨ ᠪᠡᠯᠡ ᠳᠤ ᠨᠢᠭᠡᠳᠦᠯᠲᠡᠢ ᠪᠠᠶᠢᠬᠤ᠂ ᠡᠷᠬᠡ ᠲᠡᠭᠰᠢ ᠥᠷᠢᠰᠦᠯᠳᠦᠬᠦ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠢᠳᠡᠪᠬᠢᠲᠡᠢ ᠪᠣᠢ ᠪᠣᠯᠭᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠲᠦᠷᠦᠭᠦᠯᠡᠨ ᠬᠢᠵᠦ᠂ ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠬᠤᠶᠠᠷ︶ ᠮᠥᠩᠭᠦᠨ ᠭᠦᠢᠯᠭᠡᠭᠡᠨ ᠤ ᠦᠢᠯᠡᠰ ᠤᠨ ᠨᠡᠭᠡᠭᠡᠯᠲᠡ ᠬᠢᠬᠦ ᠲᠥᠷᠥ ᠶᠢᠨ ᠪᠣᠳᠣᠯᠭ᠎ᠠ ᠶᠢ ᠢᠳᠡᠪᠬᠢᠲᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠪᠠᠩᠬᠢ ᠶᠢᠨ ᠦᠢᠯᠡᠰ ᠪᠣᠯᠣᠨ ᠮᠥᠩᠭᠦᠨ ᠭᠦᠢᠯᠭᠡᠭᠡᠨ ᠤ ᠡᠳ᠋ ᠬᠥᠷᠥᠩᠭᠡ ᠶᠢᠨ ᠬᠠᠮᠢᠶᠠᠷᠤᠯᠳᠠ ᠶᠢᠨ ᠺᠣᠮᠫᠠᠨᠢ ᠶᠢᠨ ᠭᠠᠳᠠᠭᠠᠳᠤ ᠪᠡᠯᠡᠲᠦ ᠰᠲ᠋ᠣᠺ ᠤᠨ ᠬᠠᠷᠢᠴᠠᠯ ᠤᠨ ᠬᠢᠵᠠᠭᠠᠷᠯᠠᠯ ᠢ ᠦᠭᠡᠶᠢᠰᠬᠡᠵᠦ᠂ ᠲᠡᠮᠳᠡᠭᠲᠦ ᠶᠢᠨ ᠺᠣᠮᠫᠠᠨᠢ᠂ ᠲᠡᠮᠳᠡᠭᠲᠦ ᠶᠢᠨ ᠪᠡᠯᠡ ᠣᠷᠣᠭᠤᠯᠤᠯᠲᠠ ᠶᠢᠨ ᠰᠠᠭᠤᠷᠢ ᠮᠦᠩᠭᠦᠨ ᠤ ᠬᠠᠮᠢᠶᠠᠷᠤᠯᠳᠠ ᠶᠢᠨ ᠺᠣᠮᠫᠠᠨᠢ᠂ ᠬᠤᠭᠤᠴᠠᠭᠠᠲᠤ ᠪᠠᠷᠠᠭᠠᠨ ᠤ ᠺᠣᠮᠫᠠᠨᠢ᠂ ᠠᠮᠢ ᠨᠠᠰᠤᠨ ᠤ ᠳᠠᠭᠠᠳᠬᠠᠯ ᠤᠨ ᠺᠣᠮᠫᠠᠨᠢ ᠨᠤᠭᠤᠳ ᠤᠨ ᠭᠠᠳᠠᠭᠠᠳᠤ ᠪᠡᠯᠡᠲᠦ ᠰᠲ᠋ᠣᠺ ᠤᠨ ᠬᠠᠷᠢᠴᠠᠯ ᠢ 51% ᠪᠣᠯᠲᠠᠯ᠎ᠠ ᠠᠭᠤᠵᠢᠭᠤ ᠲᠠᠯᠪᠢᠨ᠂ 2021 ᠣᠨ ᠳᠤ ᠭᠠᠳᠠᠭᠠᠳᠤ ᠪᠡᠯᠡᠲᠦ ᠰᠲ᠋ᠣᠺ ᠤᠨ ᠬᠠᠷᠢᠴᠠᠯ ᠤᠨ ᠬᠢᠵᠠᠭᠠᠷᠯᠠᠯ ᠢ ᠦᠭᠡᠶᠢᠰᠬᠡᠬᠦ ᠬᠡᠷᠡᠭᠲᠡᠢ᠃ ᠬᠢᠯᠢ ᠶᠢᠨ ᠲᠤᠳᠤᠷ᠎ᠠ ᠭᠠᠳᠠᠨᠠᠬᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠣᠨ ᠨᠡᠷᠡᠲᠡᠢ ᠠᠵᠤ ᠠᠬᠤᠶᠢᠯᠠᠯ ᠤᠳ ᠢ ᠢᠳᠡᠪᠬᠢᠲᠡᠢ ᠣᠷᠣᠭᠤᠯᠤᠨ ᠠᠪᠴᠢᠷᠠᠵᠤ ᠮᠠᠨ ᠤ ᠣᠷᠣᠨ ᠳᠤ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠶᠡᠷᠦᠩᠬᠡᠢ ᠬᠡᠯᠲᠡᠰ᠂ ᠣᠷᠣᠨ ᠪᠦᠰᠡ ᠶᠢᠨ ᠴᠢᠨᠠᠷᠲᠠᠢ ᠬᠤᠪᠢᠶᠠᠷᠢ ᠰᠠᠯᠪᠤᠷᠢ ᠪᠠᠶᠢᠭᠤᠯᠤᠮᠵᠢ᠂ ᠲᠤᠬᠠᠶᠢᠯᠠᠭᠰᠠᠨ ᠠᠵᠢᠯ ᠤᠨ ᠲᠥᠪ ᠵᠢᠴᠢ ᠲᠥᠯᠥᠭᠡᠯᠡᠭᠴᠢ ᠶᠢᠨ ᠭᠠᠵᠠᠷ ᠡᠭᠦᠰᠭᠡᠨ ᠪᠠᠶᠢᠭᠤᠯᠬᠤ ᠬᠡᠷᠡᠭᠲᠡᠢ᠃ ᠬᠢᠯᠢ ᠶᠢᠨ ᠭᠠᠳᠠᠨᠠᠬᠢ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠳᠤ ᠬᠢᠨᠠᠯᠲᠠ ᠬᠠᠮᠢᠶᠠᠷᠤᠯᠲᠠ ᠬᠢᠬᠦ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠯᠢ ᠶᠢᠨ ᠳᠣᠲᠣᠷᠠᠬᠢ ᠨᠥᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠤᠳ ᠤᠨ ᠬᠢᠯᠢ ᠶᠢᠨ ᠭᠠᠳᠠᠨᠠᠬᠢ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠶᠢ ᠳᠡᠮᠵᠢᠨ᠂ ᠬᠢᠯᠢ ᠶᠢᠨ ᠭᠠᠳᠠᠨᠠᠬᠢ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠺᠤᠮᠫᠠᠨᠢ ᠨᠤᠭᠤᠳ ᠤᠨ ᠵᠠᠬ᠎ᠠ ᠳᠡᠯᠭᠡᠭᠦᠷ ᠲᠤ ᠭᠠᠷᠤᠭᠠᠳᠤᠢ ᠰᠲ᠋ᠣᠺ ᠢᠶᠠᠨ ᠬᠢᠯᠢ ᠶᠢᠨ ᠭᠠᠳᠠᠨᠠᠬᠢ ᠰᠲ᠋ᠣᠺ ᠤᠨ ᠵᠠᠬ᠎ᠠ ᠳᠡᠯᠭᠡᠭᠦᠷ ᠲᠤ ᠭᠠᠷᠭᠠᠵᠤ ᠭᠦᠢᠯᠭᠡᠭᠡᠬᠦ ᠶᠢ ᠯᠠᠪᠳᠠᠭᠤᠨ ᠪᠠᠲᠤᠲᠠᠢ ᠡᠮᠬᠢ ᠵᠢᠷᠤᠮ ᠲᠠᠢ ᠠᠬᠢᠭᠤᠯᠬᠤ ᠬᠡᠷᠡᠭᠲᠡᠢ᠃ ︵ᠥᠪᠥᠷ ᠮᠣᠩᠭᠤᠯ ᠤᠨ ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠨ ᠬᠢᠵᠦ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ ᠵᠡᠷᠭᠡ ᠬᠠᠮᠢᠶ᠎ᠠ ᠪᠥᠬᠦᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠭᠤᠷᠪᠠ︶ ᠦᠢᠯᠡᠴᠢᠯᠡᠭᠡᠨ ᠤ ᠦᠢᠯᠡᠰ᠂ ᠲᠠᠷᠢᠶᠠᠯᠠᠩ᠂ ᠦᠢᠯᠡᠳᠬᠦ ᠦᠢᠯᠡᠰ ᠤᠨ ᠨᠡᠭᠡᠭᠡᠯᠲᠡ ᠬᠢᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠵᠠᠮ ᠬᠠᠷᠢᠯᠴᠠᠭ᠎ᠠ ᠲᠡᠭᠡᠭᠡᠪᠦᠷᠢ᠂ ᠬᠤᠳᠠᠯᠳᠤᠭ᠎ᠠ ᠠᠷᠠᠯᠵᠢᠶ᠎ᠠ ᠪᠠᠷᠠᠭᠠᠨ ᠤ ᠭᠦᠢᠯᠭᠡᠭᠡᠨ ᠵᠡᠷᠭᠡ ᠦᠢᠯᠡᠴᠢᠯᠡᠭᠡᠨ ᠤ ᠬᠦᠷᠢᠶ᠎ᠡ᠂ ᠦᠷ᠎ᠡ ᠡᠭᠦᠯᠳᠡᠷ ᠤᠨ ᠦᠢᠯᠡᠰ ᠵᠡᠷᠭᠡ ᠲᠠᠷᠢᠶᠠᠯᠠᠩ ᠤᠨ ᠬᠦᠷᠢᠶ᠎ᠡ᠂ ᠨᠡᠭᠦᠷᠡᠰᠦ᠂ ᠲᠡᠮᠦᠷᠯᠢᠭ ᠬᠠᠶᠢᠯᠤᠭᠤᠯᠬᠤ ᠵᠡᠷᠭᠡ ᠠᠭᠤᠷᠬᠠᠢ ᠮᠠᠯᠲᠠᠬᠤ ᠦᠢᠯᠡᠰ ᠤᠨ ᠬᠦᠷᠢᠶ᠎ᠡ᠂ ᠮᠠᠰᠢᠨ ᠲᠡᠷᠭᠡ ᠵᠡᠷᠭᠡ ᠦᠢᠯᠡᠳᠬᠦ ᠦᠢᠯᠡᠰ ᠤᠨ ᠭᠦᠷᠢᠶᠡᠨ ᠳᠤ ᠭᠠᠳᠠᠭᠠᠳᠤ ᠪᠡᠯᠡ ᠶᠢ ᠵᠥᠪᠰᠢᠶᠡᠷᠡᠨ ᠣᠷᠣᠭᠤᠯᠬᠤ ᠬᠢᠵᠠᠭᠠᠷᠯᠠᠯ ᠢᠶᠠᠨ ᠬᠦᠴᠦᠨ ᠦᠭᠡᠢ ᠪᠣᠯᠭᠠᠬᠤ ᠪᠤᠶᠤ ᠥᠷᠭᠡᠳᠬᠡᠵᠦ᠂ ᠬᠠᠮᠢᠶ᠎ᠠ ᠪᠦᠬᠦᠢ ᠬᠦᠷᠢᠶᠡᠨ ᠳᠠᠬᠢ ᠬᠤᠳᠠᠯᠳᠤᠭᠠᠴᠢᠨ ᠤᠷᠢᠵᠤ ᠪᠡᠯᠡ ᠲᠠᠲᠠᠨ ᠣᠷᠣᠭᠤᠯᠬᠤ ᠡᠷᠴᠢᠮ ᠢ ᠴᠢᠩᠭᠠᠷᠠᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠲᠦᠷᠦᠭᠦᠯᠡᠨ ᠬᠢᠵᠦ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ᠬᠤᠶᠠᠷ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠪᠡᠯᠡ ᠣᠷᠣᠭᠤᠯᠤᠯᠲᠠ ᠶᠢ ᠲᠥᠬᠦᠮ ᠠᠪᠰᠠᠷᠬᠠᠨ ᠪᠣᠯᠭᠠᠬᠤ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ      ︵ᠳᠥᠷᠪᠡ︶ ᠭᠠᠳᠠᠭᠠᠳᠤ ᠪᠡᠯᠡ ᠶᠢᠨ ᠬᠦᠷᠢᠶᠡᠨ ᠳᠠᠬᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠤᠯᠤᠰ ᠤᠨ ᠨᠢᠭᠡᠲᠦᠯᠲᠡᠢ ᠪᠠᠶᠢᠷᠢᠯᠠᠭᠤᠯᠤᠯᠲᠠ ᠶᠣᠰᠣᠭᠠᠷ᠂ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠤᠷᠤᠭᠤᠯᠬᠤ ᠵᠦᠪᠰᠢᠶᠡᠷᠡᠯ ᠤᠨ ᠠᠯᠳᠠᠭᠳᠠᠯ ᠲᠠᠢ ᠵᠦᠢᠯᠡᠰ ᠤᠨ ᠨᠠᠷᠢᠨ ᠬᠠᠭᠤᠳᠠᠰᠤᠨ ᠳᠠᠬᠢ ᠪᠡᠯᠡ ᠣᠷᠣᠭᠤᠯᠬᠤ ᠪᠥᠬᠦ ᠲᠤᠭ᠎ᠠ ᠨᠢ 10 ᠳ᠋ᠦᠩᠰᠢᠭᠤᠷ ᠳ᠋ᠣᠯᠯᠠᠷ ᠠᠴᠠ ᠲᠤᠷᠤᠨᠨᠰᠢᠬᠢ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠪᠠᠶᠢᠭᠤᠯᠬᠤ ᠵᠢᠴᠢ ᠬᠤᠪᠢᠷᠠᠭᠠᠬᠤ ᠲᠠᠯ᠎ᠠ ᠪᠠᠷ ᠬᠢ ᠬᠢᠨᠠᠨ ᠵᠥᠪᠰᠢᠶᠡᠷᠡᠬᠦ ᠪᠠ ᠬᠠᠮᠢᠶᠠᠷᠬᠤ ᠠᠵᠢᠯ ᠢ ᠴᠠᠭ ᠲᠤᠬᠠᠢ ᠳᠤ ᠨᠢ ᠲᠠᠭᠠᠭᠠᠨ ᠦᠷᠭᠦᠯᠵᠢᠯᠡᠭᠦᠯᠬᠦ ᠬᠡᠷᠡᠭᠲᠡᠢ᠃ ᠪᠥᠬᠦ ᠣᠷᠣᠨ ᠤ ᠬᠡᠪᠴᠢᠶᠡᠨ ᠳᠤ ᠠᠯᠳᠠᠭᠳᠠᠯ ᠲᠠᠢ ᠵᠦᠢᠯᠡᠰ ᠤᠨ ᠨᠠᠷᠢᠨ ᠬᠠᠭᠤᠳᠠᠰᠤᠨ ᠤ ᠭᠠᠳᠠᠭᠤᠷᠬᠢ ᠬᠦᠷᠢᠶᠡᠨ ᠳᠠᠬᠢ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠬᠤᠳᠠᠯᠳᠤᠭᠠᠨ ᠤ ᠶᠠᠪᠤᠳᠠᠯ ᠤᠨ ᠪᠦᠷᠢᠳᠬᠡᠨ ᠳᠠᠩᠰᠠᠯᠠᠭᠤᠯᠬᠤ ᠬᠢᠭᠡᠳ ᠠᠵᠤ ᠠᠬᠤᠶᠢᠯᠠᠯ ᠤᠨ ᠳᠠᠩᠰᠠᠯᠠᠨ ᠲᠡᠮᠳᠡᠭᠯᠡᠭᠦᠯᠬᠦ ᠶᠢ ᠨᠢ ︽ᠨᠢᠭᠡ ᠪᠠᠷ ᠬᠦᠯᠢᠶᠡᠨ ᠠᠪᠴᠤ ᠭᠦᠢᠴᠡᠳᠬᠡᠬᠦ︾ ᠶᠢ ᠬᠡᠷᠡᠭᠵᠢᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠲᠦᠷᠦᠭᠦᠯᠡᠨ ᠬᠢᠵᠦ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠲᠠᠪᠤ︶ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠪᠡᠯᠡ ᠮᠥᠩᠭᠦ ᠪᠠᠨ ᠭᠦᠢᠯᠭᠡᠭᠡᠨ ᠬᠡᠷᠡᠭᠯᠡᠬᠦ ᠳᠤ ᠲᠥᠬᠦᠮ ᠠᠪᠰᠠᠷᠬᠠᠨ ᠪᠠᠶᠢᠯᠭᠠᠬᠤ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠪᠡᠯᠡ ᠮᠥᠩᠭᠦᠨ ᠤ ᠰᠠᠩ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠲᠥᠬᠦᠮᠴᠢᠯᠡᠵᠦ᠂ ᠪᠠᠩᠬᠢ ᠨᠤᠭᠤᠳ ᠠᠴᠠ ᠡᠯᠧᠺᠲᠷᠤᠨ ᠬᠠᠭᠤᠳᠠᠰᠤᠨ ᠤ ᠦᠨᠡᠨ ᠮᠥᠨ᠂ ᠬᠠᠤᠯᠢ ᠳᠤ ᠨᠡᠶᠢᠴᠡᠵᠦ ᠪᠠᠶᠢᠬᠤ ᠶᠢ ᠨᠢ ᠬᠢᠨᠠᠨ ᠬᠠᠷᠭᠤᠭᠤᠯᠬᠤ ᠶᠢ ᠵᠥᠪᠰᠢᠶᠡᠷᠡᠨ᠂ ᠠᠵᠤ ᠠᠬᠤᠶᠢᠯᠠᠯ ᠤᠳ ᠲᠤ ᠥᠭᠬᠦ ᠠᠪᠬᠤ ᠭᠤᠪᠢᠭᠤᠯᠬᠤ᠂ ᠬᠠᠷᠭᠤᠭᠤᠯᠵᠦ ᠳ᠋ᠦᠩᠨᠡᠨ ᠪᠤᠳᠤᠬᠤ ᠲᠤᠬᠠᠶᠢᠯᠠᠭᠰᠠᠨ ᠠᠵᠢᠯ ᠢ ᠲᠦᠪᠯᠡᠷᠡᠭᠦᠯᠦᠨ ᠭᠦᠢᠴᠡᠳᠬᠡᠵᠦ ᠥᠭᠬᠦ ᠬᠡᠷᠡᠭᠲᠡᠢ ᠃ ᠠᠵᠤ ᠠᠬᠤᠶᠢᠯᠠᠯ ᠤᠳ ᠢ ᠵᠣᠷᠢᠬᠵᠢᠭᠤᠯᠵᠤ ᠪᠠᠶᠢᠭᠠᠳ ᠤᠯᠤᠰ ᠠᠯᠤᠰᠯᠠᠭᠰᠠᠨ ᠺᠣᠮᠫᠠᠨᠢ ᠶᠢᠨ ᠬᠢᠯᠢ ᠠᠯᠤᠰᠯᠠᠬᠤ ᠪᠡᠯᠡ ᠮᠥᠩᠭᠦᠨ ᠳᠤ ᠲᠥᠪᠯᠡᠷᠡᠭᠦᠯᠦᠨ ᠭᠦᠢᠯᠭᠡᠭᠡᠵᠦ ᠬᠠᠮᠢᠶᠠᠷᠬᠤ ᠶᠢ ᠭᠤᠶᠤᠴᠢᠯᠠᠭᠤᠯᠵᠤ᠂ ᠤᠯᠤᠰ ᠠᠯᠤᠰᠯᠠᠭᠰᠠᠨ ᠠᠵᠤ ᠠᠬᠤᠶᠢᠯᠠᠯ ᠤᠨ ᠪᠦᠯᠦᠭᠯᠡᠯ ᠤᠳ ᠤᠨ ᠬᠢᠯᠢ ᠠᠯᠤᠰᠯᠠᠨ ᠠᠷᠠᠳ ᠤᠨ ᠵᠣᠭᠤᠰ ᠢ ᠬᠤᠶᠠᠷ ᠲᠠᠯ᠎ᠠ ᠲᠡᠶᠢᠰᠢ ᠭᠦᠢᠯᠭᠡᠭᠡᠬᠦ ᠲᠤᠬᠠᠶᠢᠯᠠᠭᠰᠠᠨ ᠠᠵᠢᠯ ᠭᠦᠢᠴᠡᠳᠬᠡᠬᠦ ᠶᠢ ᠨᠢ ᠳᠡᠮᠵᠢᠬᠦ ᠬᠡᠷᠡᠭᠲᠡᠢ᠃ ︵ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠵᠢᠷᠭᠤᠭ᠎ᠠ︶ ᠭᠠᠳᠠᠭᠠᠳᠤ ᠤᠯᠤᠰ ᠤᠨ ᠴᠢᠳᠠᠪᠤᠷᠢᠲᠠᠳ ᠮᠠᠨ ᠤ ᠣᠷᠣᠨ ᠳᠤ ᠢᠷᠡᠵᠦ ᠠᠵᠢᠯᠯᠠᠬᠤ ᠵᠢᠴᠢ ᠬᠢᠯᠢ ᠪᠠᠷ ᠣᠷᠣᠵᠤ ᠭᠠᠷᠬᠤ ᠳᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠳᠡᠮᠵᠢᠬᠦ ᠲᠥᠷᠥ ᠶᠢᠨ ᠪᠣᠳᠣᠯᠭ᠎ᠠ ᠶᠢ ᠰᠤᠳᠤᠯᠤᠨ ᠨᠡᠶᠢᠲᠡᠯᠡᠵᠦ᠂ ᠮᠠᠨ ᠤ ᠣᠷᠣᠨ ᠳᠤ ᠠᠵᠢᠯᠯᠠᠵᠤ ᠪᠠᠶᠢᠭ᠎ᠠ ᠭᠠᠳᠠᠭᠠᠳᠤ ᠤᠯᠤᠰ ᠤᠨ ᠴᠢᠳᠠᠪᠤᠷᠢᠲᠠᠳ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠣᠯᠵᠤ ᠬᠦᠷᠲᠡᠬᠦ ᠶᠢ ᠬᠠᠤᠯᠢ ᠪᠠᠷ ᠪᠠᠲᠤᠯᠠᠬᠤ ᠬᠡᠷᠡᠭᠲᠡᠢ᠃ ᠤᠯᠤᠰ ᠤᠨ ᠳᠡᠮᠵᠢᠬᠦ ᠤᠳᠤᠷᠢᠳᠤᠮᠵᠢ ᠳᠤ ᠨᠡᠶᠢᠴᠡᠬᠦ ᠳᠤᠮᠳᠠᠳᠤ ᠤᠯᠤᠰ ᠤᠨ ᠬᠢᠯᠢ ᠳᠣᠲᠣᠷ᠎ᠠ ᠳᠠᠩᠰᠠᠯᠠᠭᠤᠯᠤᠭᠰᠠᠨ ᠠᠵᠤ ᠠᠬᠤᠶᠢᠯᠠᠯ ᠤᠳ ᠤᠨ ᠪᠠᠴᠢᠮ ᠱᠠᠭᠠᠷᠳᠠᠭᠳᠠᠵᠤ ᠪᠠᠶᠢᠭ᠎ᠠ ᠭᠠᠳᠠᠭᠠᠳᠤ ᠤᠯᠤᠰ ᠤᠨ ᠴᠢᠳᠠᠪᠤᠷᠢᠲᠠᠳ ᠥᠪᠥᠷ ᠮᠣᠩᠭᠤᠯ ᠳᠤ ᠢᠷᠡᠵᠦ ᠠᠵᠢᠯᠯᠠᠬᠤ ᠶᠢ ᠵᠥᠪᠰᠢᠶᠡᠷᠡᠨ ᠬᠠᠮᠢᠶᠠᠷᠬᠤ ᠨᠡᠩ ᠰᠠᠶᠢᠨ ᠲᠥᠬᠦᠮ ᠠᠪᠰᠠᠷᠬᠠᠨ ᠦᠢᠯᠡᠴᠢᠯᠡᠭᠡ ᠬᠠᠩᠭᠠᠨ ᠥᠭᠴᠦ᠂ ᠠᠵᠢᠯᠯᠠᠬᠤ ᠶᠢ ᠨᠢ ᠵᠥᠪᠰᠢᠶᠡᠷᠡᠨ ᠭᠦᠢᠴᠡᠳᠬᠡᠬᠦ ᠳᠡᠰ ᠳᠠᠷᠠᠭᠠᠯᠠᠯ ᠢ ᠤᠯᠠᠮ ᠨᠢᠭᠡ ᠠᠯᠬᠤᠮ ᠲᠥᠬᠦᠮᠴᠢᠯᠡᠬᠦ ᠬᠡᠷᠡᠭᠲᠡᠢ᠃ ︽︿ᠭᠠᠳᠠᠭᠠᠳᠤ ᠤᠯᠤᠰ ᠤᠨ ᠴᠢᠳᠠᠪᠤᠷᠢᠲᠠᠳ ᠤᠨ ᠸᠢᠰᠠᠯᠠᠬᠤ ᠳᠦᠷᠢᠮ ᠤᠨ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠤᠯᠤᠰ ᠤᠨ ᠭᠠᠳᠠᠭᠠᠳᠤ ᠶᠢᠨ ᠲᠤᠰᠬᠠᠢ ᠮᠡᠷᠭᠡᠵᠢᠯᠲᠡᠨ ᠤ ᠲᠣᠪᠴᠢᠶ᠎ᠠ ᠭᠠᠳᠠᠭᠠᠳᠤ ᠶᠠᠪᠤᠳᠠᠯ ᠤᠨ ᠶᠠᠮᠤᠨ ᠳᠣᠲᠣᠭᠠᠳᠤ ᠶᠢ ᠬᠠᠮᠠᠭᠠᠯᠠᠬᠤ ᠶᠠᠮᠤᠨ ᠤ ᠮᠡᠳᠡᠭᠳᠡᠯ︾ ︵ᠭᠠᠳᠠᠭᠠᠳᠤ ᠲᠤᠰᠬᠠᠢ ᠲᠠᠷᠬᠠᠭᠠᠭᠰᠠᠨ ﹇2017﹈ 218 ᠳ᠋ᠤᠭᠠᠷ ᠲᠣᠭᠠᠲᠤ︶ ᠢ ᠨᠠᠶᠢᠳᠠᠪᠤᠷᠢᠵᠢᠭᠤᠯᠵᠤ᠂ ᠭᠠᠳᠠᠭᠠᠳᠤ ᠤᠯᠤᠰ ᠤᠨ ᠳᠡᠭᠡᠳᠦ ᠦᠵᠦᠭᠦᠷ ᠤᠨ ᠴᠢᠳᠠᠪᠤᠷᠢᠲᠠᠳ ᠤᠨ ᠬᠢᠷᠢ ᠬᠡᠮ ᠢ ᠨᠤᠲᠠᠯᠠᠬᠤ᠂ ᠴᠢᠳᠠᠪᠤᠷᠢᠲᠠᠳ ᠤᠨ ᠸᠢᠰᠠ ᠶᠢ ᠬᠢᠨᠠᠨ ᠣᠯᠭᠤᠬᠤ᠂ ᠠᠵᠢᠯᠯᠠᠬᠤ ᠶᠢ ᠨᠢ ᠵᠥᠪᠰᠢᠶᠡᠷᠡᠬᠦ᠂ ᠠᠵᠢᠯᠯᠠᠬᠤ ᠪᠠᠷ ᠦᠯᠡᠳᠡᠵᠦ ᠰᠠᠭᠤᠬᠤ ᠦᠨᠡᠮᠯᠡᠯ ᠢ ᠨᠢ ᠭᠦᠢᠴᠡᠳᠬᠡᠬᠦ ᠵᠡᠷᠭᠡ ᠭᠤᠭᠴᠤᠭ᠎ᠠ ᠶᠢ ᠵᠣᠯᠭᠠᠭᠤᠯᠤᠨ ᠰᠠᠭᠠᠳ ᠦᠭᠡᠢ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ ᠭᠡᠷ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ᠭᠤᠷᠪᠠ᠂ ᠪᠡᠯᠡ ᠣᠷᠣᠭᠤᠯᠤᠯᠲᠠ ᠪᠠᠷ ᠠᠬᠢᠭᠤᠯᠬᠤ ᠶᠢ ᠴᠢᠩᠭᠠᠳᠬᠠᠨ᠂ ᠪᠡᠯᠡ ᠮᠥᠩᠭᠦ ᠲᠠᠲᠠᠨ ᠣᠷᠣᠭᠤᠯᠬᠤ ᠶᠠᠰᠤ ᠴᠢᠨᠠᠷ ᠪᠣᠯᠣᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ      ︵ᠳᠣᠯᠤᠭ᠎ᠠ︶ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠣᠷᠣᠭᠤᠯᠬᠤ ᠤᠳᠤᠷᠢᠳᠤᠮᠵᠢ ᠶᠢ ᠰᠢᠯᠢᠳᠡᠭᠵᠢᠭᠦᠯᠬᠦ ᠬᠡᠷᠡᠭᠲᠡᠢ᠃ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠣᠷᠣᠭᠤᠯᠤᠯᠲᠠ ᠵᠢᠴᠢ ᠲᠡᠷᠢᠭᠦᠨ ᠤ ᠮᠡᠷᠭᠡᠵᠢᠯ᠂ ᠬᠠᠮᠢᠶᠠᠷᠤᠯᠲᠠ ᠶᠢᠨ ᠲᠤᠷᠰᠢᠯᠭ᠎ᠠ ᠶᠢ ᠢᠳᠡᠪᠬᠢᠲᠡᠢ ᠲᠠᠲᠠᠨ ᠣᠷᠣᠭᠤᠯᠵᠤ᠂ ᠭᠠᠳᠠᠭᠠᠳᠤ ᠪᠡᠯᠡ ᠣᠷᠣᠭᠤᠯᠤᠯᠲᠠ ᠶᠢ ᠬᠥᠲᠥᠯᠥᠨ ᠵᠢᠯᠣᠭᠤᠳᠴᠤ ᠪᠠᠶᠢᠭᠠᠳ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠲᠡᠷᠢᠭᠦᠨ ᠤ ᠦᠢᠯᠡᠳᠬᠦ ᠦᠢᠯᠡᠰ᠂ ᠳᠡᠭᠡᠳᠦ ᠰᠢᠨ᠎ᠡ ᠮᠡᠷᠭᠡᠵᠢᠯ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠵᠡᠷᠭᠡ ᠬᠦᠷᠢᠶᠡᠨ ᠳᠤ ᠨᠡᠩ ᠶᠡᠭᠡ ᠪᠠᠷ ᠣᠷᠣᠭᠤᠯᠤᠯᠲᠠ ᠬᠢᠯᠭᠡᠵᠦ᠂ ᠮᠡᠷᠭᠡᠵᠢᠯ ᠢᠶᠠᠷ ᠲᠡᠷᠢᠭᠦᠨ ᠤ ᠬᠡᠯᠪᠡᠷᠢ ᠪᠦᠬᠦᠢ ᠦᠢᠯᠡᠴᠢᠯᠡᠭᠡᠨ ᠤ ᠠᠵᠤ ᠠᠬᠤᠶᠢᠯᠠᠯ ᠤᠳ ᠲᠤ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠵᠢᠴᠢ ᠠᠵᠤ ᠠᠬᠤᠶᠢᠯᠠᠯ ᠤᠳ ᠤᠨ ᠬᠢᠯᠢ ᠶᠢᠨ ᠭᠠᠳᠠᠨᠠᠬᠢ ᠠᠰᠢᠭ ᠣᠷᠣᠯᠭ᠎ᠠ ᠶᠢ ᠨᠢ ᠲᠤᠯᠭᠠᠨ ᠬᠡᠯᠲᠦᠷᠢᠭᠦᠯᠬᠦ᠂ ᠬᠢᠯᠢ ᠶᠢᠨ ᠭᠠᠳᠠᠨᠠᠬᠢ ᠪᠡᠯᠡ ᠣᠷᠣᠭᠤᠯᠤᠭᠴᠢᠳ ᠤᠨ ᠬᠢᠯᠢ ᠶᠢᠨ ᠳᠣᠲᠣᠭᠠᠳᠤ ᠳᠤ ᠣᠯᠣᠭᠰᠠᠨ ᠠᠰᠢᠭ ᠣᠯᠵᠠᠪᠤᠷᠢ ᠪᠠᠷ ᠢᠶᠠᠨ ᠰᠢᠭᠤᠳ ᠪᠡᠯᠡ ᠣᠷᠣᠭᠤᠯᠤᠭᠰᠠᠨ ᠪᠠᠶᠢᠪᠠᠯ ᠲᠡᠭᠦᠨ ᠢᠶᠠᠷ ᠢᠶᠠᠨ ᠲᠤᠰᠢᠶᠠᠬᠤ ᠭᠠᠶᠢᠯᠢ ᠪᠠᠨ ᠲᠡᠰᠬᠡᠬᠦ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ ᠬᠠᠮᠢᠶ᠎ᠠ ᠪᠥᠬᠦᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠨᠠᠢᠮᠠ︶ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠣᠷᠣᠭᠤᠯᠤᠯᠲᠠ ᠶᠢᠨ ᠰᠢᠨ᠎ᠡ ᠡᠭᠦᠳᠦᠯᠲᠡ ᠲᠠᠢ ᠪᠠᠷ ᠬᠥᠭᠵᠢᠬᠦ ᠶᠢ ᠳᠡᠮᠵᠢᠬᠦ ᠬᠡᠷᠡᠭᠲᠡᠢ᠃ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠣᠷᠣᠭᠤᠯᠤᠯᠲᠠ ᠶᠢᠨ ᠰᠤᠳᠤᠯᠤᠨ ᠬᠥᠭᠵᠢᠭᠦᠯᠬᠦ ᠪᠠᠶᠢᠭᠤᠯᠤᠮᠵᠢ ᠳᠤ ᠳᠡᠮᠵᠢᠯᠭᠡ ᠦᠵᠡᠭᠦᠯᠬᠦ ᠲᠥᠷᠥ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠤᠨ᠂ ᠤᠯᠤᠰ ᠠᠴᠠ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠣᠷᠣᠭᠤᠯᠤᠯᠲᠠ ᠶᠢᠨ ᠰᠤᠳᠤᠯᠤᠨ ᠬᠥᠭᠵᠢᠭᠦᠯᠬᠦ ᠪᠠᠶᠢᠭᠤᠯᠤᠮᠵᠢ ᠬᠡᠮᠡᠨ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠴᠠᠭ ᠲᠤᠬᠠᠢ ᠳᠤ ᠨᠢ ᠮᠥᠷᠳᠡᠵᠦ᠂ ᠦᠪᠡᠷᠳᠡᠬᠡᠨ ᠵᠠᠰᠠᠬᠤ ᠤᠷᠤᠨ ᠤ ᠬᠠᠮᠢᠶ᠎ᠠ ᠪᠦᠭᠦᠢ ᠰᠤᠳᠤᠯᠤᠨ ᠭᠦᠭᠵᠢᠬᠦᠯᠬᠦ ᠪᠠᠶᠢᠭᠤᠯᠤᠮᠵᠢ ᠬᠡᠮᠡᠨ ᠮᠠᠭᠠᠳᠯᠠᠨ ᠲᠤᠨᠨᠳᠠᠭᠠᠬᠤ ᠪᠠᠷᠢᠮᠵᠢᠶ᠎ᠠ ᠶᠢ ᠰᠤᠳᠤᠯᠤᠨ ᠲᠤᠬᠢᠷᠠᠭᠤᠯᠵᠦ ᠰᠢᠯᠢᠳᠡᠭᠵᠢᠬᠦᠯᠦᠨ᠂ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠣᠷᠣᠭᠤᠯᠤᠭᠰᠠᠨ ᠠᠵᠤ ᠠᠬᠤᠶᠢᠯᠠᠯ ᠤᠳ ᠢ ᠵᠣᠷᠢᠬᠵᠢᠭᠤᠯᠵᠤ ᠪᠠᠶᠢᠭᠠᠳ ᠰᠤᠳᠤᠯᠤᠨ ᠬᠥᠭᠵᠢᠭᠦᠯᠬᠦ ᠳᠤ ᠪᠡᠯᠡ ᠣᠷᠣᠭᠤᠯᠬᠤ ᠡᠷᠴᠢᠮ ᠢ ᠨᠢ ᠴᠢᠩᠭᠠᠷᠠᠭᠤᠯᠬᠤ ᠬᠡᠷᠡᠭᠲᠡᠢ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨ᠎ᠡ ᠡᠭᠦᠳᠦᠯᠲᠡ ᠶᠢᠨ ᠲᠠᠪᠴᠠᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠤᠨ ᠨᠡᠭᠡᠭᠡᠬᠦ ᠪᠠᠶᠢᠭᠤᠯᠤᠮᠵᠢ ᠵᠡᠷᠭᠡ ᠳᠤ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠭᠠᠳᠠᠭᠠᠳᠤ ᠪᠡᠯᠡ ᠶᠢ ᠵᠣᠷᠢᠬᠵᠢᠭᠤᠯᠵᠤ ᠪᠠᠶᠢᠭᠠᠳ ᠳᠡᠭᠡᠳᠦ ᠰᠢᠨ᠎ᠡ ᠮᠡᠷᠭᠡᠵᠢᠯ ᠤᠨ ᠬᠦᠷᠢᠶᠡᠨ ᠳᠤ ᠣᠷᠣᠭᠤᠯᠤᠯᠲᠠ ᠬᠢᠯᠭᠡᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ ᠬᠠᠮᠢᠶ᠎ᠠ ᠪᠥᠬᠦᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠶᠢᠰᠦ︶ ᠭᠠᠳᠠᠭᠠᠳᠤ ᠪᠡᠯᠡ ᠶᠢᠨ ᠨᠡᠶᠢᠯᠡᠭᠦᠯᠵᠦ ᠬᠤᠳᠠᠯᠳᠤᠨ ᠠᠪᠴᠤ ᠪᠡᠯᠡ ᠣᠷᠣᠭᠤᠯᠬᠤ ᠶᠢ ᠨᠢ ᠵᠣᠷᠢᠬᠵᠢᠭᠤᠯᠬᠤ ᠬᠡᠷᠡᠭᠲᠡᠢ᠃ ᠵᠠᠬ᠎ᠠ ᠳᠡᠯᠭᠡᠭᠦᠷᠴᠢᠯᠡᠬᠦ ᠵᠠᠷᠴᠢᠮ ᠢ ᠦᠨᠳᠦᠰᠦᠯᠡᠨ ᠨᠡᠶᠢᠯᠡᠭᠦᠯᠵᠦ ᠬᠤᠳᠠᠯᠳᠤᠨ ᠠᠪᠬᠤ ᠮᠡᠳᠡᠭᠡ ᠵᠠᠩᠭᠢ ᠶᠢᠨ ᠬᠥᠮᠥᠷᠭᠡ ᠶᠢ ᠪᠠᠶᠢᠭᠤᠯᠤᠨ᠂ ᠪᠥᠬᠦ ᠣᠷᠣᠨ ᠳᠠᠬᠢ ᠨᠡᠶᠢᠯᠡᠭᠦᠯᠵᠦ ᠬᠤᠳᠠᠯᠳᠤᠨ ᠠᠪᠴᠤ ᠪᠣᠯᠬᠤ ᠳᠠᠯᠳᠠ ᠴᠢᠨᠰᠠᠭ᠎ᠠ ᠲᠠᠢ ᠠᠵᠤ ᠠᠬᠤᠶᠢᠯᠠᠯ ᠤᠳ ᠤᠨ ᠮᠡᠳᠡᠭᠡ ᠵᠠᠩᠭᠢ ᠶᠢ ᠡᠮᠬᠢᠯᠡᠨ ᠲᠢᠭᠯᠡᠵᠦ᠂ ᠮᠠᠨ ᠤ ᠣᠷᠣᠨ ᠤ ᠠᠵᠤ ᠠᠬᠤᠶᠢᠯᠠᠯ ᠤᠳ ᠢ ᠬᠥᠲᠥᠯᠥᠨ ᠵᠢᠯᠣᠭᠤᠳᠴᠤ ᠪᠠᠶᠢᠭᠠᠳ ᠣᠯᠠᠨ ᠤᠯᠤᠰ ᠤᠨ ᠬᠠᠮᠲᠤᠷᠠᠨ ᠠᠵᠢᠯᠯᠠᠬᠤ ᠳᠤ ᠰᠠᠨᠠᠭᠠᠴᠢᠯᠠᠭ᠎ᠠ ᠠᠴᠠ ᠪᠠᠨ ᠣᠷᠣᠯᠴᠠᠭᠤᠯᠬᠤ ᠪᠣᠯᠭᠠᠨ᠂ ᠬᠢᠯᠢ ᠶᠢᠨ ᠭᠠᠳᠠᠨᠠᠬᠢ ᠪᠡᠯᠡ ᠣᠷᠣᠭᠤᠯᠤᠭᠴᠢᠳ ᠨᠡᠶᠢᠯᠡᠭᠦᠯᠵᠦ ᠬᠤᠳᠠᠯᠳᠤᠨ ᠠᠪᠬᠤ ᠬᠡᠯᠪᠡᠷᠢ ᠪᠠᠷ ᠮᠠᠨ ᠤ ᠣᠷᠣᠨ ᠳᠤ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠣᠷᠣᠭᠤᠯᠤᠭᠰᠠᠨ ᠠᠵᠤ ᠠᠬᠤᠶᠢᠯᠠᠯ ᠪᠠᠶᠢᠭᠤᠯᠬᠤ ᠶᠢ ᠳᠡᠮᠵᠢᠬᠦ ᠬᠡᠷᠡᠭᠲᠡᠢ᠃ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠶᠢᠨ ᠤᠯᠤᠰ ᠤᠨ ᠥᠮᠴᠢᠯᠡᠯᠲᠦ ᠰᠲ᠋ᠣᠺ ᠤᠨ ᠡᠷᠬᠡ ᠳᠤ ᠬᠢᠨᠠᠯᠲᠠ ᠲᠠᠯᠪᠢᠵᠦ ᠬᠠᠮᠢᠶᠠᠷᠬᠤ ᠳᠦᠷᠢᠮ ᠢ ᠬᠡᠷᠡᠭᠵᠢᠭᠦᠯᠦᠨ᠂ ᠤᠯᠤᠰ ᠤᠨ ᠥᠮᠴᠢᠯᠡᠨ ᠡᠵᠡᠮᠳᠡᠵᠦ ᠪᠠᠶᠢᠭ᠎ᠠ ᠰᠲ᠋ᠣᠺ ᠢᠶᠠᠷ ᠢᠶᠠᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠵᠢᠴᠢ ᠤᠯᠤᠰ ᠤᠨ ᠥᠮᠴᠢᠯᠡᠯᠲᠦ ᠰᠲ᠋ᠣᠺ ᠤᠨ ᠡᠷᠬᠡ ᠶᠢ ᠡᠷᠭᠢᠯᠳᠦᠭᠦᠯᠵᠦ ᠰᠢᠯᠵᠢᠭᠦᠯᠬᠦ ᠪᠠᠨ ᠢᠯᠡ ᠲᠣᠳᠣ ᠪᠠᠶᠢᠯᠭᠠᠬᠤ ᠶᠢ ᠨᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠠᠨ ᠤ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠨᠥᠬᠦᠴᠡᠯ ᠳᠤ ᠨᠡᠶᠢᠴᠡᠭᠰᠡᠨ ᠪᠡᠯᠡ ᠣᠷᠣᠭᠤᠯᠤᠭᠴᠢᠳ ᠣᠷᠣᠯᠴᠠᠬᠤ ᠳᠤ ᠨᠢ ᠡᠷᠬᠡ ᠲᠡᠭᠰᠢ ᠲᠣᠬᠢᠶᠠᠯ ᠣᠯᠭᠤᠬᠤ ᠬᠡᠷᠡᠭᠲᠡᠢ᠃ ᠭᠠᠳᠠᠭᠠᠳᠤ ᠤᠯᠤᠰ ᠤᠨ ᠪᠠᠶᠢᠭᠠᠯᠢ ᠬᠥᠮᠥᠨ ᠤ ᠪᠡᠯᠡ ᠣᠷᠣᠭᠤᠯᠤᠭᠰᠠᠨ ᠬᠢᠯᠢ ᠶᠢᠨ ᠳᠣᠲᠣᠷᠠᠬᠢ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ᠵᠢᠴᠢ ᠪᠥᠬᠦ ᠤᠯᠤᠰ ᠤᠨ ᠳᠤᠮᠳᠠ ᠵᠢᠵᠢᠭ ᠠᠵᠤ ᠠᠬᠤᠶᠢᠯᠠᠯ ᠤᠨ ᠰᠲ᠋ᠣᠺ ᠢᠶᠠᠨ ᠰᠢᠯᠵᠢᠭᠦᠯᠦᠨ ᠬᠤᠳᠠᠯᠳᠤᠬᠤ ᠰᠢᠰᠲ᠋ᠧᠮ ᠳᠤ ᠫᠠᠶᠢᠰᠠ ᠡᠯᠭᠦᠭᠰᠡᠨ ᠺᠣᠮᠫᠠᠨᠢ ᠵᠡᠷᠭᠡ ᠲᠠᠯ᠎ᠠ ᠪᠠᠷ ᠬᠢ ᠲᠥᠷᠥ ᠶᠢᠨ ᠪᠣᠳᠣᠯᠭ᠎ᠠ ᠳᠤ ᠤᠯᠤᠰ ᠠᠴᠠ ᠲᠣᠬᠢᠷᠠᠭᠤᠯᠤᠯᠲᠠ ᠬᠢᠬᠦ ᠶᠢ ᠮᠥᠷᠳᠡᠨ ᠨᠠᠶᠢᠳᠠᠪᠤᠷᠢᠵᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠪᠠᠩᠭᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠠᠷᠪᠠ︶ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠣᠷᠣᠭᠤᠯᠤᠭᠰᠠᠨ ᠠᠵᠤ ᠠᠬᠤᠶᠢᠯᠠᠯ ᠤᠳ ᠤᠨ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠬᠤ ᠬᠡᠷᠡᠭᠲᠡᠢ᠃ ᠦᠢᠯᠡᠳᠬᠦ ᠦᠢᠯᠡᠰ ᠤᠨ ᠠᠵᠤ ᠠᠬᠤᠶᠢᠯᠠᠯ ᠤᠳ ᠢ ᠳᠡᠮᠵᠢᠵᠦ ᠪᠠᠶᠢᠭᠠᠳ ᠲᠥᠯᠥᠪᠵᠢᠭᠦᠯᠭᠡ ᠳᠤ ᠨᠡᠶᠢᠴᠡᠭᠰᠡᠨ ᠪᠠ ᠭᠠᠵᠠᠷ ᠰᠢᠷᠣᠢ ᠶᠢᠨ ᠬᠡᠷᠡᠭᠴᠡᠭᠡ ᠶᠢ ᠬᠤᠪᠢᠷᠠᠭᠤᠯᠬᠤ ᠦᠭᠡᠢ ᠪᠠᠶᠢᠬᠤ ᠤᠷᠢᠳᠠᠯ ᠳᠣᠣᠷ᠎ᠠ᠂ ᠭᠠᠵᠠᠷ ᠰᠢᠷᠣᠢ ᠡᠷᠴᠢᠮᠵᠢᠭᠦᠯᠦᠨ ᠬᠡᠷᠡᠭᠯᠡᠬᠦ ᠬᠢᠷᠢ ᠲᠦᠪᠰᠢᠨ ᠢ ᠢᠳᠡᠪᠬᠢᠲᠡᠢ ᠳᠡᠭᠡᠭᠰᠢᠯᠡᠭᠦᠯᠦᠨ᠂ ᠬᠠᠤᠯᠢ ᠶᠤᠰᠤᠭᠠᠷ ᠳᠡᠰ ᠳᠠᠷᠠᠭᠠᠯᠠᠯ ᠲᠠᠢ ᠪᠠᠷ ᠰᠢᠨ᠎ᠡ ᠪᠠᠷ ᠪᠠᠶᠢᠭᠤᠯᠤᠭᠰᠠᠨ᠂ ᠥᠭᠡᠷᠡᠴᠢᠯᠡᠨ ᠪᠠᠶᠢᠭᠤᠯᠤᠭᠰᠠᠨ᠂ ᠥᠷᠭᠡᠳᠬᠡᠨ ᠪᠠᠶᠢᠭᠤᠯᠤᠭᠰᠠᠨ ᠠᠵᠤ ᠦᠢᠯᠡᠳᠪᠦᠷᠢ ᠶᠢᠨ ᠲᠥᠷᠥᠯ ᠵᠦᠢᠯ ᠠᠴᠠ ᠪᠠᠭᠲᠠᠭᠠᠮᠵᠢ ᠶᠢ ᠨᠡᠮᠡᠭᠳᠡᠭᠦᠯᠬᠦ ᠭᠠᠵᠠᠷ ᠤᠨ ᠦᠨ᠎ᠠ ᠶᠢᠨ ᠵᠣᠭᠤᠰ ᠢ ᠲᠠᠬᠢᠨ ᠨᠡᠮᠡᠵᠦ ᠠᠪᠬᠤ ᠦᠭᠡᠢ᠃ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠣᠷᠣᠭᠤᠯᠤᠭᠰᠠᠨ ᠠᠵᠤ ᠠᠬᠤᠶᠢᠯᠠᠯ ᠤᠳ ᠤᠨ ᠰᠢᠨᠵᠢᠯᠡᠬᠦ ᠤᠬᠠᠭᠠᠨᠴᠢ ᠪᠠᠷ ᠠᠵᠢᠯᠴᠢᠨ ᠬᠡᠷᠡᠭᠯᠡᠬᠦ ᠶᠢ ᠳᠡᠮᠵᠢᠵᠦ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠥᠷᠢ ᠶᠢᠨ ᠭᠡᠷ᠎ᠡ ᠶᠢᠨ ᠬᠠᠤᠯᠢ︾ ᠶᠢᠨ ᠲᠣᠭᠲᠠᠭᠠᠯ ᠶᠣᠰᠣᠭᠠᠷ᠂ ᠵᠣᠬᠢᠬᠤ ᠠᠵᠢᠯ ᠤᠨ ᠡᠭᠦᠷᠭᠡ ᠪᠠᠨ ᠪᠡᠶᠡᠯᠡᠭᠦᠯᠬᠦ ᠪᠠᠷ ᠬᠤᠭᠤᠴᠠᠭ᠎ᠠ ᠬᠢᠵᠠᠭᠠᠷ ᠪᠤᠯᠭᠠᠨᠨᠰᠠᠨ ᠬᠦᠳᠡᠯᠮᠦᠷᠢ ᠶᠢᠨ ᠭᠡᠷ᠎ᠡ᠂ ᠣᠬᠤᠷ ᠬᠤᠭᠤᠴᠠᠭᠠᠨ ᠤ ᠲᠣᠭᠲᠠᠮᠠᠯ ᠬᠤᠭᠤᠴᠠᠭ᠎ᠠ ᠬᠢᠵᠠᠭᠠᠷ ᠲᠠᠢ ᠬᠥᠳᠡᠯᠮᠦᠷᠢ ᠶᠢᠨ ᠭᠡᠷ᠎ᠡ ᠲᠣᠬᠢᠷᠠᠯᠴᠠᠬᠤ ᠪᠠᠷ ᠳᠠᠮᠵᠢᠭᠤᠯᠤᠨ᠂ ᠠᠮᠢᠳᠤᠯᠢᠭ ᠢᠶᠠᠷ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠨᠢ ᠦᠨᠡᠨ ᠬᠦ ᠬᠠᠩᠭᠠᠬᠤ ᠬᠡᠷᠡᠭᠲᠡᠢ᠃ ᠤᠯᠠᠨ ᠲᠠᠯᠠᠳᠤ ᠪᠠ ᠬᠤᠶᠠᠷ ᠲᠠᠯ᠎ᠠ ᠪᠠᠷ ᠬᠢ ᠨᠡᠶᠢᠭᠡᠮ ᠤᠨ ᠪᠠᠲᠤᠯᠠᠭ᠎ᠠ ᠶᠢᠨ ᠬᠡᠯᠡᠯᠴᠡᠭᠡᠷ ᠢ ᠦᠨᠳᠦᠰᠦᠯᠡᠨ᠂ ᠨᠡᠶᠢᠭᠡᠮ ᠤᠨ ᠪᠠᠲᠤᠯᠠᠭ᠎ᠠ ᠶᠢᠨ ᠬᠡᠯᠡᠯᠴᠡᠭᠡᠷ ᠲᠤ ᠨᠢᠭᠡᠨᠲᠡ ᠲᠣᠭᠲᠠᠭᠰᠠᠨ ᠭᠡᠷ᠎ᠡ ᠶᠢᠨ ᠡᠭᠦᠷᠭᠡ ᠪᠠᠨ ᠦᠨᠡᠨ ᠬᠦ ᠭᠦᠢᠴᠡᠳᠬᠡᠵᠦ᠂ ᠬᠡᠯᠡᠯᠴᠡᠭᠡᠷ ᠤᠨ ᠠᠭᠤᠯᠭ᠎ᠠ ᠪᠠᠷ ᠦᠨᠳᠦᠰᠦᠯᠡᠯ ᠪᠤᠯᠭᠠᠨ ᠮᠠᠨ ᠤ ᠣᠷᠣᠨ ᠳᠤ ᠪᠠᠶᠢᠭ᠎ᠠ ᠭᠠᠳᠠᠭᠠᠳᠤ ᠶᠢᠨ ᠬᠥᠳᠡᠯᠮᠦᠷᠢᠴᠢᠳ ᠤᠨ ᠨᠡᠶᠢᠭᠡᠮ ᠤᠨ ᠪᠠᠲᠤᠯᠠᠭ᠎ᠠ ᠶᠢᠨ ᠡᠷᠬᠡ ᠠᠰᠢᠭ ᠢ ᠬᠠᠮᠠᠭᠠᠯᠠᠨ᠂ ᠨᠡᠶᠢᠭᠡᠮ ᠤᠨ ᠳᠠᠭᠠᠳᠬᠠᠯ ᠤᠨ ᠵᠦᠢᠯ ᠳᠤ ᠬᠡᠯᠡᠯᠴᠡᠭᠡᠷ ᠢᠶᠠᠷ ᠪᠣᠯᠵᠣᠨ ᠲᠣᠭᠲᠠᠭᠰᠠᠨ ᠠᠵᠤ ᠠᠬᠤᠶᠢᠯᠠᠯ ᠪᠣᠯᠣᠨ ᠠᠵᠢᠯᠲᠠᠳ ᠤᠨ ᠳᠠᠪᠬᠤᠷ ᠲᠤᠰᠢᠶᠠᠬᠤ ᠰᠦᠢᠳᠬᠡᠯ ᠤᠨ ᠡᠭᠦᠷᠭᠡ ᠶᠢ ᠬᠡᠯᠲᠦᠷᠢᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠠᠷᠪᠠᠨ ᠨᠢᠭᠡ︶ ᠪᠡᠯᠡ ᠣᠷᠣᠭᠤᠯᠤᠯᠲᠠ ᠪᠠᠷ ᠠᠵᠢᠯ ᠤᠨ ᠡᠷᠴᠢᠮ ᠢᠶᠠᠨ ᠠᠬᠢᠭᠤᠯᠬᠤ ᠶᠢ ᠴᠢᠩᠭᠠᠳᠬᠠᠬᠤ ᠬᠡᠷᠡᠭᠳᠡᠢ᠃ ᠡᠯ᠎ᠡ ᠭᠠᠵᠠᠷ ᠣᠷᠣᠨ ︵ᠨᠡᠭᠡᠭᠡᠯᠲᠡ ᠶᠢᠨ ᠲᠣᠭᠤᠷᠢᠭ︶ ᠢ ᠳᠡᠮᠵᠢᠵᠦ ᠪᠠᠶᠢᠭᠠᠳ ᠪᠡᠯᠡ ᠣᠷᠣᠭᠤᠯᠤᠯᠲᠠ ᠶᠢ ᠠᠬᠢᠭᠤᠯᠬᠤ ᠪᠡᠯᠡ ᠮᠥᠩᠭᠦᠨ ᠤ ᠳᠡᠮᠵᠢᠯᠭᠡ ᠬᠠᠩᠭᠠᠨ᠂ ᠠᠮᠵᠢᠯᠲᠠ ᠪᠦᠲᠦᠮᠵᠢ ᠶᠢᠨ ᠰᠢᠯᠭᠠᠨ ᠬᠢᠨᠠᠬᠤ ᠶᠢ ᠴᠢᠩᠭᠠᠳᠬᠠᠵᠤ᠂ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠭᠠᠵᠠᠷ ᠣᠷᠣᠨ ︵ᠨᠡᠭᠡᠭᠡᠯᠲᠡ ᠶᠢᠨ ᠲᠣᠭᠤᠷᠢᠭ︶ ᠢ ᠳᠡᠮᠵᠢᠵᠦ ᠪᠠᠶᠢᠭᠠᠳ ᠬᠠᠤᠯᠢ ᠪᠠᠷ ᠲᠣᠭᠲᠠᠭᠠᠭᠰᠠᠨ ᠡᠷᠬᠡ ᠶᠢᠨ ᠬᠡᠪᠴᠢᠶᠡᠨ ᠳᠤ ᠲᠤᠰᠬᠠᠢ ᠲᠥᠷᠥ ᠶᠢᠨ ᠪᠣᠳᠣᠯᠭ᠎ᠠ ᠲᠣᠭᠲᠠᠭᠠᠵᠤ᠂ ᠮᠠᠨ ᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠣᠷᠣᠭᠤᠯᠤᠭᠰᠠᠨ ᠠᠵᠤ ᠠᠬᠤᠶᠢᠯᠠᠯ ᠵᠢᠴᠢ ᠳᠡᠭᠡᠳᠦ ᠳᠡᠰ ᠤᠨ ᠴᠢᠳᠠᠪᠤᠷᠢᠲᠠᠳ ᠢ ᠱᠠᠩᠨᠠᠬᠤ ᠬᠡᠷᠡᠭᠲᠡᠢ᠃ ᠠᠯᠪᠠᠨ ᠶᠠᠪᠤᠳᠠᠯ ᠢᠶᠠᠷ ᠭᠠᠳᠠᠭᠠᠳᠤ ᠳᠤ ᠲᠦᠷ ᠴᠠᠭ ᠭᠠᠷᠬᠤ ᠶᠢ ᠬᠠᠮᠢᠶᠠᠷᠬᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠭᠦᠢᠴᠡᠳ ᠬᠡᠷᠡᠭᠯᠡᠵᠦ᠂ ᠴᠢᠬᠤᠯᠠ ᠶᠡᠭᠡ ᠲᠥᠷᠥᠯ ᠵᠦᠢᠯ ᠢ ᠵᠦᠪᠯᠡᠨ ᠶᠠᠷᠢᠯᠴᠠᠬᠤ ᠪᠠ ᠴᠢᠬᠤᠯᠠ ᠶᠡᠭᠡ ᠪᠡᠯᠡ ᠣᠷᠣᠭᠤᠯᠤᠯᠲᠠ ᠶᠢ ᠠᠬᠢᠭᠤᠯᠬᠤ ᠠᠵᠢᠯᠯᠠᠭ᠎ᠠ ᠵᠡᠷᠭᠡ ᠠᠯᠪᠠᠨ ᠶᠠᠪᠤᠳᠠᠯ ᠢᠶᠠᠷ ᠭᠠᠳᠠᠭᠠᠳᠤ ᠳᠤ ᠠᠶᠢᠯᠴᠢᠯᠠᠬᠤ ᠪᠦᠯᠬᠦᠮ ᠤᠳ ᠲᠤ ᠲᠥᠬᠦᠮ ᠦᠵᠡᠭᠦᠯᠬᠦ ᠬᠡᠷᠡᠭᠲᠡᠢ᠃ ᠡᠯ᠎ᠡ ᠭᠠᠵᠠᠷ ᠣᠷᠣᠨ ︵ᠨᠡᠭᠡᠭᠡᠯᠲᠡ ᠶᠢᠨ ᠲᠣᠭᠤᠷᠢᠭ︶ ᠨᠢ ᠬᠤᠳᠠᠯᠳᠤᠭᠠᠴᠢᠨ ᠤᠷᠢᠵᠤ ᠪᠡᠯᠡ ᠲᠠᠲᠠᠨ ᠣᠷᠣᠭᠤᠯᠬᠤ ᠶᠠᠪᠤᠴᠠ ᠳᠤ ᠪᠠᠨ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠲᠥᠷᠥ ᠶᠢᠨ ᠪᠣᠳᠣᠯᠭ᠎ᠠ ᠵᠢᠴᠢ ᠭᠠᠵᠠᠷ ᠰᠢᠷᠣᠢ᠂ ᠲᠥᠯᠥᠪᠵᠢᠭᠦᠯᠭᠡ ᠪᠣᠯᠣᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠱᠠᠭᠠᠷᠳᠠᠯᠭ᠎ᠠ ᠶᠢ ᠵᠢᠷᠤᠮᠯᠠᠨ ᠰᠠᠬᠢᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢᠶᠠᠨ ᠶᠡᠷᠦᠩᠬᠡᠶᠢᠯᠡᠨ ᠰᠠᠶᠢᠵᠢᠷᠠᠭᠤᠯᠬᠤ ᠶᠢ ᠴᠢᠬᠤᠯᠠᠴᠢᠯᠠᠨ᠂ ᠳᠣᠲᠣᠭᠠᠳᠤ ᠭᠠᠳᠠᠭᠠᠳᠤ ᠶᠢᠨ ᠪᠡᠯᠡ ᠣᠷᠣᠭᠤᠯᠤᠭᠰᠠᠨ ᠠᠵᠤ ᠠᠬᠤᠶᠢᠯᠠᠯ ᠤᠳ ᠲᠤ ᠡᠷᠬᠡ ᠲᠡᠭᠰᠢ ᠬᠠᠷᠠᠭᠠᠯᠵᠠᠯ ᠦᠵᠡᠭᠦᠯᠵᠦ᠂ ᠮᠠᠭᠤ ᠪᠠᠷ ᠥᠷᠢᠰᠦᠯᠳᠦᠬᠦ ᠠᠴᠠ ᠵᠠᠶᠢᠯᠠᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠂ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ ᠭᠡᠷ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ᠳᠥᠷᠪᠡ᠂ ᠪᠡᠯᠡ ᠣᠷᠣᠭᠤᠯᠤᠯᠲᠠ ᠶᠢ ᠬᠠᠮᠠᠭᠠᠯᠠᠬᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠂ ᠥᠨᠳᠦᠷ ᠪᠠᠷᠢᠮᠵᠢᠶ᠎ᠠ ᠲᠠᠢ ᠪᠠᠷ ᠪᠡᠯᠡ ᠣᠷᠣᠭᠤᠯᠬᠤ ᠣᠷᠴᠢᠨ ᠨᠥᠬᠦᠴᠡᠯ ᠢ ᠪᠣᠢ ᠪᠣᠯᠭᠠᠬᠤ ᠬᠡᠷᠡᠭᠲᠡᠢ      ︵ᠠᠷᠪᠠᠨ ᠬᠤᠶᠠᠷ︶ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠢ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠰᠬᠠᠢ ᠠᠰᠢᠭ ᠤᠨ ᠬᠠᠤᠯᠢ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠵᠦ᠂ ᠡᠷᠬᠡ ᠳᠤ ᠬᠠᠯᠳᠠᠵᠤ ᠬᠤᠳᠠᠯ ᠬᠠᠭᠤᠷᠮᠠᠭ ᠢᠶᠠᠷ ᠦᠢᠯᠡᠳᠦᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠤᠳᠠᠯᠳᠤᠭᠠᠨ ᠤ ᠨᠢᠭᠤᠴᠠ ᠳᠤ ᠬᠠᠯᠳᠠᠭᠰᠠᠨ ᠂ ᠲᠠᠸᠠᠷ ᠤᠨ ᠲᠡᠮᠳᠡᠭ ᠢ ᠮᠠᠭᠤ ᠰᠠᠨᠠᠭ᠎ᠠ ᠲᠠᠢ ᠪᠠᠷ ᠵᠠᠪᠳᠤᠵᠤ ᠳᠠᠩᠰᠠᠯᠠᠭᠤᠯᠤᠭᠰᠠᠨ ᠪᠠ ᠲᠠᠸᠠᠷ ᠤᠨ ᠲᠡᠮᠳᠡᠭ ᠤᠳ ᠢ ᠰᠣᠯᠪᠢᠴᠠᠭᠤᠯᠤᠨ ᠬᠡᠷᠡᠭᠯᠡᠵᠦ ᠵᠦᠢ ᠪᠤᠰᠤ ᠪᠠᠷ ᠥᠷᠢᠰᠦᠯᠳᠦᠭᠰᠡᠨ᠂ ᠲᠤᠰᠬᠠᠢ ᠠᠰᠢᠭ ᠤᠨ ᠡᠷᠬᠡ ᠳᠤ ᠬᠠᠯᠳᠠᠵᠤ ᠬᠠᠭᠤᠷᠮᠠᠭᠯᠠᠨ ᠵᠣᠬᠢᠶᠠᠭᠰᠠᠨ᠂ ᠰᠦᠯᠵᠢᠶᠡᠨ ᠤ ᠬᠡᠪᠯᠡᠯ ᠢ ᠬᠤᠯᠠᠭᠠᠶᠢᠯᠠᠵᠤ ᠡᠷᠬᠡ ᠳᠤ ᠬᠠᠯᠳᠠᠭᠰᠠᠨ ᠵᠡᠷᠬᠡ ᠮᠡᠳᠡᠯᠭᠡ ᠶᠢᠨ ᠥᠮᠴᠢᠯᠡᠯ ᠤᠨ ᠡᠷᠬᠡ ᠳᠤ ᠬᠠᠯᠳᠠᠵᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠯᠬᠠᠭᠠᠨ ᠰᠢᠢᠳᠬᠡᠬᠦ ᠡᠷᠴᠢᠮ ᠢᠶᠠᠨ ᠴᠢᠩᠭᠠᠷᠠᠭᠤᠯᠤᠨ᠂ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠣᠷᠣᠭᠤᠯᠬᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ᠃ ᠳᠡᠯᠡᠬᠡᠢ ᠶᠢᠨ ᠠᠷᠠᠯᠵᠢᠶ᠎ᠠ ᠶᠢᠨ ᠵᠣᠬᠢᠶᠠᠨ ᠪᠠᠶᠢᠭᠤᠯᠤᠯᠲᠠ ᠳᠤ ᠣᠷᠣᠬᠤ ᠦᠶ᠎ᠡ ᠳᠠᠬᠢ ᠮᠠᠨ ᠤ ᠤᠯᠤᠰ ᠤᠨ ᠠᠮᠠᠯᠳᠠᠭ᠎ᠠ ᠪᠠᠨ ᠴᠢᠩᠭ᠎ᠠ ᠭᠦᠢᠴᠡᠳᠬᠡᠨ᠂ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠣᠷᠣᠭᠤᠯᠬᠤ ᠶᠠᠪᠤᠴᠠ ᠳᠠᠬᠢ ᠮᠡᠷᠭᠡᠵᠢᠯ ᠤᠨ ᠲᠠᠯ᠎ᠠ ᠪᠠᠷ ᠬᠢ ᠬᠠᠮᠲᠤᠷᠠᠨ ᠠᠵᠢᠯᠯᠠᠬᠤ ᠨᠥᠬᠦᠴᠡᠯ ᠢ ᠪᠡᠯᠡ ᠣᠷᠣᠭᠤᠯᠬᠤ ᠡᠯ᠎ᠡ ᠲᠠᠯ᠎ᠠ ᠪᠠᠷ ᠢᠶᠠᠨ ᠵᠥᠪᠯᠡᠨ ᠲᠣᠭᠲᠠᠭᠠᠵᠤ᠂ ᠡᠯ᠎ᠡ ᠭᠠᠵᠠᠷ ᠣᠷᠣᠨ ︵ᠨᠡᠭᠡᠭᠡᠯᠲᠡ ᠶᠢᠨ ᠲᠣᠭᠤᠷᠢᠭ︶᠂ ᠡᠯ᠎ᠡ ᠰᠠᠯᠠᠭ᠎ᠠ ᠮᠦᠴᠢᠷ ᠨᠢ ᠵᠠᠰᠠᠭ ᠵᠠᠬᠢᠷᠭᠠᠨ ᠤ ᠠᠷᠭ᠎ᠠ ᠪᠠᠷᠢᠯ ᠢ ᠠᠰᠢᠭᠯᠠᠵᠤ ᠪᠠᠶᠢᠭᠠᠳ ᠮᠡᠷᠭᠡᠵᠢᠯ ᠢᠶᠠᠨ ᠠᠯᠪᠠᠳᠠᠯᠭ᠎ᠠ ᠪᠠᠷ ᠰᠢᠯᠵᠢᠭᠦᠯᠦᠨ ᠬᠤᠳᠠᠯᠳᠤᠭᠠᠯᠠᠵᠦ ᠪᠣᠯᠬᠤ ᠦᠭᠡᠢ᠃ ᠡᠷᠬᠡ ᠪᠠᠨ ᠬᠠᠮᠠᠭᠠᠯᠠᠬᠤ ᠳᠤ ᠲᠤᠰᠠᠯᠠᠵᠤ ᠬᠠᠪᠰᠤᠷᠬᠤ ᠪᠠ ᠵᠢᠭᠤᠷᠠᠯᠳᠤᠭᠠᠨ ᠢ ᠬᠥᠨᠳᠡᠯᠡᠨ ᠠᠴᠠ ᠲᠠᠰᠤᠯᠵᠤ ᠡᠶᠡᠳᠡᠭᠦᠯᠬᠦ ᠪᠠᠨ ᠴᠢᠩᠭᠠᠳᠬᠠᠨ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠬᠤ ᠰᠢᠰᠲ᠋ᠧᠮᠵᠢ ᠶᠢ ᠲᠡᠭᠦᠯᠳᠡᠷᠵᠢᠬᠦᠯᠦᠨ ᠠᠬᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠤᠯᠢ ᠴᠠᠭᠠᠵᠠ ᠶᠢᠨ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠠᠷᠪᠠᠨ ᠭᠤᠷᠪᠠ︶ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠣᠷᠣᠭᠤᠯᠬᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ᠃ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠣᠷᠣᠭᠤᠯᠤᠭᠰᠠᠨ ᠠᠵᠤ ᠠᠬᠤᠶᠢᠯᠠᠯ ᠤᠳ ᠤᠨ ᠵᠠᠭᠠᠯᠳᠤᠬᠤ ᠠᠵᠢᠯ ᠳᠤ ᠲᠢᠩᠬᠢᠮ ᠤᠳ ᠤᠨ ᠬᠤᠭᠤᠷᠤᠨᠳᠤᠬᠢ

        365赢多少钱会被限额_国内有真正的365平台吗_365bet博彩官网

        ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠤᠨ᠂ ᠣᠷᠣᠨ ᠨᠤᠲᠤᠭ ᠤᠨ ᠠᠵᠢᠯ ᠶᠠᠪᠤᠳᠠᠯ ᠬᠠᠮᠢᠶᠠᠷᠬᠤ ᠡᠷᠬᠡ ᠳᠤ ᠬᠤᠯᠪᠣᠭᠳᠠᠭᠰᠠᠨ ᠳᠦᠷᠢᠮ ᠤᠨ ᠴᠢᠨᠠᠷᠲᠠᠢ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠰᠠᠭᠤᠳᠠᠯ ᠵᠢᠴᠢ ᠠᠵᠤ ᠠᠬᠤᠶᠢᠯᠠᠯ ᠤᠳ ᠤᠨ ᠲᠤᠰᠬᠠᠭᠰᠠᠨ ᠡᠷᠬᠡ ᠲᠡᠭᠰᠢ ᠪᠤᠰᠤ ᠬᠠᠷᠠᠭᠠᠯᠵᠠᠯ ᠤᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ᠃ ᠡᠯ᠎ᠡ ᠭᠠᠵᠠᠷ ᠣᠷᠣᠨ ︵ᠨᠡᠭᠡᠭᠡᠯᠲᠡ ᠶᠢᠨ ᠲᠣᠭᠤᠷᠢᠭ︶᠂ ᠡᠯ᠎ᠡ ᠰᠠᠯᠠᠭ᠎ᠠ ᠮᠥᠴᠢᠷ ᠨᠢ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠣᠷᠣᠭᠤᠯᠤᠭᠰᠠᠨ ᠠᠵᠤ ᠠᠬᠤᠶᠢᠯᠠᠯ ᠤᠳ ᠤᠨ ᠬᠠᠤᠯᠢ ᠶᠣᠰᠣᠭᠠᠷ ᠣᠷᠣᠨ ᠪᠦᠰᠡ ᠠᠯᠤᠰᠯᠠᠵᠤ ᠡᠵᠡᠩᠨᠡᠬᠦ᠂ ᠨᠡᠭᠦᠬᠦ᠂ ᠳᠠᠩᠰᠠᠯᠠᠯᠲᠠ ᠪᠠᠨ ᠬᠦᠴᠦᠨ ᠦᠭᠡᠢ ᠪᠣᠯᠭᠠᠬᠤ ᠵᠡᠷᠭᠡ ᠠᠵᠢᠯᠯᠠᠭ᠎ᠠ ᠶᠢ ᠨᠢ ᠬᠢᠵᠠᠭᠠᠷᠯᠠᠵᠤ ᠪᠣᠯᠬᠤ ᠦᠭᠡᠢ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠲᠦᠷᠦᠭᠦᠯᠡᠨ ᠬᠢᠵᠦ᠂ ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ᠲᠠᠪᠤ᠂ ᠨᠡᠭᠡᠭᠡᠯᠲᠡ ᠶᠢᠨ ᠲᠣᠭᠤᠷᠢᠭ ᠤᠨ ᠰᠢᠨ᠎ᠡ ᠡᠭᠦᠳᠦᠯᠲᠡ ᠲᠠᠢ ᠪᠠᠷ ᠳᠡᠪᠰᠢᠬᠦ ᠶᠢ ᠠᠬᠢᠭᠤᠯᠤᠨ᠂ ᠭᠠᠳᠠᠭᠠᠳᠤ ᠪᠡᠯᠡ ᠶᠢ ᠠᠰᠢᠭᠯᠠᠬᠤ ᠴᠢᠬᠤᠯᠠ ᠲᠠᠪᠴᠠᠩ ᠤᠨ ᠦᠢᠯᠡᠳᠦᠯ ᠢ ᠴᠢᠩᠭᠠᠷᠠᠭᠤᠯᠬᠤ ᠬᠡᠷᠡᠭᠲᠡᠢ      ︵ᠠᠷᠪᠠᠨ ᠳᠥᠷᠪᠡ︶ ᠨᠡᠭᠡᠭᠡᠯᠲᠡ ᠶᠢᠨ ᠲᠣᠭᠤᠷᠢᠭ ᠤᠨ ᠭᠠᠳᠠᠭᠠᠳᠤ ᠪᠡᠯᠡ ᠶᠢᠨ ᠶᠡᠷᠦᠩᠬᠡᠶᠢᠯᠡᠭᠰᠡᠨ ᠦᠢᠯᠡᠴᠢᠯᠡᠭᠡ ᠶᠢ ᠰᠢᠯᠢᠳᠡᠭᠵᠢᠭᠦᠯᠬᠦ ᠶᠢ ᠠᠬᠢᠭᠤᠯᠬᠤ ᠬᠡᠷᠡᠭᠲᠡᠢ᠃ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠬᠠᠮᠢᠶ᠎ᠠ ᠪᠦᠬᠦᠢ ᠡᠷᠬᠡ ᠬᠢᠵᠠᠭᠠᠷᠯᠠᠯ ᠢ ᠯᠠᠪᠳᠠᠭᠤᠨ ᠪᠦᠭᠡᠳ ᠥᠨᠳᠦᠷ ᠪᠦᠲᠦᠮᠵᠢᠲᠡᠢ ᠪᠠᠷ ᠰᠠᠶᠢᠳᠤᠷ ᠬᠡᠷᠡᠭᠯᠡᠵᠦ᠂ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ︽ᠭᠡᠷᠡᠴᠢ ᠪᠠ ᠦᠨᠡᠮᠯᠠᠯ ᠢ ᠰᠠᠯᠭᠠᠬᠤ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠢ ᠠᠬᠢᠭᠤᠯᠵᠤ᠂ ᠠᠵᠢᠯ ᠶᠠᠪᠤᠳᠠᠯ ᠤᠨ ᠳᠤᠮᠳᠠᠬᠢ ᠪᠣᠯᠣᠨ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠦᠨᠡᠨ ᠬᠦ ᠴᠢᠩᠭᠠᠳᠬᠠᠬᠤ ᠬᠡᠷᠡᠭᠲᠡᠢ᠃ ᠣᠯᠠᠨ ᠤᠯᠤᠰ ᠤᠨ ᠲᠡᠷᠢᠭᠦᠨ ᠤ ᠲᠤᠷᠰᠢᠯᠭ᠎ᠠ ᠶᠢ ᠲᠣᠯᠢᠯᠠᠨ ᠯᠠᠪᠯᠠᠵᠤ᠂ ᠭᠠᠳᠠᠭᠠᠳᠤ ᠬᠤᠳᠠᠯᠳᠤᠭᠠᠴᠢᠳ ᠢ ᠵᠣᠷᠢᠬᠵᠢᠭᠤᠯᠵᠤ ᠪᠠᠶᠢᠭᠠᠳ ᠨᠡᠭᠡᠭᠡᠯᠲᠡ ᠶᠢᠨ ᠲᠣᠭᠤᠷᠢᠭ ᠲᠠᠬᠢ ᠬᠦᠷᠢᠶᠡᠯᠡᠩ᠂ ᠨᠢᠭᠡ ᠨᠡᠭᠡᠭᠡᠯᠲᠡ ᠶᠢᠨ ᠲᠣᠭᠤᠷᠢᠭ ᠲᠤ ᠣᠯᠠᠨ ᠬᠦᠷᠢᠶᠡᠯᠡᠩ ᠭᠠᠷᠭᠠᠬᠤ ᠵᠡᠷᠭᠡ ᠪᠠᠶᠢᠭᠤᠯᠵᠤ ᠠᠵᠢᠯᠯᠠᠭᠤᠯᠬᠤ ᠳᠤ ᠣᠷᠣᠯᠴᠠᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠡᠷᠬᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠠᠷᠪᠠᠨ ᠲᠠᠪᠤ︶ ᠭᠠᠳᠠᠭᠠᠳᠤ ᠪᠡᠯᠡ ᠶᠢ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠲᠠᠯ᠎ᠠ ᠪᠠᠷ ᠬᠢ ᠨᠡᠭᠡᠭᠡᠯᠲᠡ ᠶᠢᠨ ᠲᠣᠭᠤᠷᠢᠭ ᠤᠳ ᠤᠨ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠨᠢ ᠪᠠᠳᠠᠷᠠᠭᠤᠯᠬᠤ ᠬᠡᠷᠡᠭᠲᠡᠢ᠃ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ᠤᠨ ᠥᠭᠡᠷᠡᠴᠢᠯᠡᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠲᠣᠭᠲᠠᠭᠠᠨ᠂ ᠭᠠᠵᠠᠷ ᠰᠢᠷᠣᠢ ᠶᠢᠨ ᠬᠠᠳᠠᠭᠠᠯᠠᠯᠲᠠ ᠶᠢᠨ ᠬᠠᠩᠭᠠᠯᠭ᠎ᠠ ᠶᠢ ᠰᠢᠯᠢᠳᠡᠭᠵᠢᠭᠦᠯᠵᠦ᠂ ᠳᠡᠭᠡᠳᠦ ᠮᠡᠷᠭᠡᠵᠢᠯ ᠤᠨ ᠪᠥᠭᠡᠳ ᠥᠨᠳᠥᠷ ᠨᠡᠮᠡᠯᠲᠡ ᠥᠷᠲᠡᠭ ᠲᠠᠢ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠣᠷᠣᠭᠤᠯᠤᠭᠰᠠᠨ ᠠᠵᠤ ᠠᠬᠤᠶᠢᠯᠠᠯ ᠪᠣᠯᠣᠨ ᠲᠥᠷᠥᠯ ᠵᠦᠢᠯ ᠢ ᠲᠠᠲᠠᠨ ᠣᠷᠣᠭᠤᠯᠬᠤ ᠬᠡᠷᠡᠭᠲᠡᠢ ᠃ ᠭᠠᠵᠠᠷ ᠰᠢᠷᠣᠢ ᠶᠢᠨ ᠠᠰᠢᠨᠨᠯᠠᠯᠳᠠ ᠶᠢᠨ ᠲᠥᠯᠥᠪᠯᠡᠭᠡ ᠶᠢ ᠪᠠᠶᠢᠷᠢᠯᠠᠭᠤᠯᠤᠨ ᠲᠣᠬᠢᠷᠠᠭᠤᠯᠬᠤ ᠳᠤ᠂ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ᠲᠠᠬᠢ ᠭᠤᠣᠯ ᠤᠳᠤᠷᠢᠳᠤᠮᠵᠢᠳᠤ ᠠᠵᠤ ᠦᠢᠯᠡᠰ ᠤᠳ ᠤᠨ ᠭᠠᠳᠠᠭᠠᠳᠤ ᠪᠡᠯᠡ ᠲᠠᠲᠠᠨ ᠣᠷᠣᠭᠤᠯᠬᠤ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠬᠤ ᠵᠡᠷᠭᠡ ᠳᠤ ᠭᠠᠵᠠᠷ ᠰᠢᠷᠣᠢ ᠬᠡᠷᠡᠭᠯᠡᠬᠦ ᠲᠠᠯ᠎ᠠ ᠪᠠᠷ ᠬᠠᠷᠠᠭᠠᠯᠵᠠᠨ ᠳᠡᠮᠵᠢᠯᠭᠡ ᠦᠵᠡᠭᠦᠯᠬᠦ ᠬᠡᠷᠡᠭᠲᠡᠢ᠃ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠲᠠᠲᠠᠨ ᠣᠷᠣᠭᠤᠯᠬᠤ ᠰᠠᠯᠠᠭ᠎ᠠ ᠮᠥᠴᠢᠷ᠂ ᠪᠦᠯᠬᠦᠮ ᠨᠡᠶᠢᠲᠡ ᠳᠤ ᠨᠡᠩ ᠠᠮᠢᠳᠤᠯᠢᠭ ᠪᠤᠯᠬᠤ ᠠᠵᠢᠯᠲᠠᠨ ᠤ ᠶᠠᠪᠤᠳᠠᠯ ᠤᠨ ᠳᠦᠷᠢᠮ ᠢ ᠬᠡᠷᠡᠭᠵᠢᠭᠦᠯᠵᠦ᠂ ᠲᠤᠰᠬᠠᠶᠢᠵᠢᠭᠰᠠᠨ ᠪᠠ ᠵᠠᠬ᠎ᠠ ᠳᠡᠯᠭᠡᠭᠦᠷᠴᠢᠯᠡᠭᠰᠡᠨ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠳᠡᠯᠡᠬᠡᠶᠢᠴᠢᠯᠡᠬᠦ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      ︵ᠠᠷᠪᠠᠨ ᠵᠢᠷᠭᠤᠭ᠎ᠠ︶ ᠨᠡᠭᠡᠭᠡᠯᠲᠡ ᠶᠢᠨ ᠲᠣᠭᠤᠷᠢᠭ ᠤᠨ ᠪᠡᠯᠡ ᠲᠠᠲᠠᠨ ᠣᠷᠣᠭᠤᠯᠬᠤ ᠳᠤ ᠮᠥᠩᠭᠦᠨ ᠭᠦᠢᠯᠭᠡᠭᠡᠨ ᠢᠶᠠᠷ ᠳᠡᠮᠵᠢᠬᠦ ᠡᠷᠴᠢᠮ ᠢ ᠴᠢᠩᠭᠠᠷᠠᠭᠤᠯᠬᠤ ᠬᠡᠷᠡᠭᠲᠡᠢ᠃ ᠡᠯ᠎ᠡ ᠲᠥᠷᠥᠯ ᠤᠨ ᠪᠣᠬᠢᠷᠳᠤᠯ ᠦᠭᠡᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠭᠤᠷᠢ ᠮᠥᠩᠭᠦ ᠶᠢ ᠵᠠᠬ᠎ᠠ ᠳᠡᠯᠭᠡᠭᠦᠷᠴᠢᠯᠡᠭᠰᠡᠨ ᠵᠠᠷᠴᠢᠮ ᠶᠣᠰᠣᠭᠠᠷ ᠭᠦᠢᠯᠭᠡᠭᠡᠨ ᠠᠵᠢᠯᠯᠠᠭᠤᠯᠬᠤ ᠶᠢ ᠬᠥᠲᠥᠯᠥᠨ ᠵᠢᠯᠣᠭᠤᠳᠴᠤ᠂ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ᠤᠨ ᠣᠷᠴᠢᠨ ᠲᠣᠭᠤᠷᠢᠨ ᠢ ᠵᠠᠰᠠᠬᠤ ᠪᠠ ᠡᠨᠧᠷᠭᠢ ᠠᠷᠪᠢᠯᠠᠨ ᠪᠣᠬᠢᠷ ᠪᠤᠳᠠᠰ ᠭᠠᠳᠠᠭᠰᠢᠯᠠᠭᠤᠯᠬᠤ ᠶᠢ ᠪᠠᠭᠠᠰᠬᠠᠬᠤ ᠳᠤ ᠭᠠᠳᠠᠭᠠᠳᠤ ᠪᠡᠯᠡ ᠠᠴᠠ ᠤᠷᠤᠯᠴᠠᠬᠤ ᠶᠢ ᠳᠡᠮᠵᠢᠨ᠂ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ᠲᠤ ᠲᠡᠷᠢᠭᠦᠨ ᠤ ᠡᠨᠧᠷᠬᠢ ᠠᠷᠪᠢᠯᠠᠬᠤ ᠪᠣᠬᠢᠷᠳᠤᠯ ᠦᠭᠡᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠮᠡᠷᠭᠡᠵᠢᠯ ᠪᠣᠯᠣᠨ ᠠᠵᠤ ᠠᠬᠤᠶᠢᠯᠠᠯ ᠢ ᠲᠠᠲᠠᠨ ᠣᠷᠣᠭᠤᠯᠬᠤ ᠳᠤ ᠮᠥᠩᠭᠦᠨ ᠭᠦᠢᠯᠭᠡᠭᠡᠨ ᠤ ᠳᠡᠮᠵᠢᠯᠭᠡ ᠬᠠᠩᠭᠠᠵᠤ ᠥᠭᠬᠦ ᠬᠡᠷᠡᠭᠲᠡᠢ᠃ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶ᠎ᠠ ᠪᠦᠬᠦᠢ ᠲᠥᠷᠥᠯ ᠵᠦᠢᠯ ᠳᠤ ᠪᠣᠬᠢᠷᠳᠤᠯ ᠦᠭᠡᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠭᠤᠷᠢ ᠮᠥᠩᠭᠦᠨ ᠤ ᠪᠡᠯᠡ ᠣᠷᠣᠭᠤᠯᠬᠤ ᠶᠢ ᠳᠡᠮᠵᠢᠬᠦ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠬᠢᠬᠦ ᠪᠠᠶᠢᠭᠤᠯᠤᠮᠵᠢ ᠪᠠᠶᠢᠭᠤᠯᠬᠤ ᠶᠢ ᠵᠣᠷᠢᠬᠵᠢᠭᠤᠯᠤᠨ᠂ ᠪᠡᠯᠡ ᠲᠤᠬᠢᠷᠠᠭᠤᠯᠭ᠎ᠠ ᠶᠢᠨ ᠲᠠᠭᠠᠭᠠᠯᠳᠠ ᠬᠢᠬᠦ᠂ ᠲᠠᠬᠢᠨ ᠲᠠᠭᠠᠭᠠᠯᠳᠠ ᠬᠢᠬᠦ ᠵᠡᠷᠬᠡ ᠦᠢᠯᠡᠴᠢᠯᠡᠭᠡ ᠬᠠᠩᠭᠠᠵᠦ᠂ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ᠢ ᠳᠡᠮᠵᠢᠵᠦ ᠪᠠᠶᠢᠭᠠᠳ ᠬᠢᠯᠢ ᠶᠢᠨ ᠭᠠᠳᠠᠨᠠᠬᠢ ᠰᠢᠨ᠎ᠡ ᠡᠭᠦᠳᠦᠯᠲᠡ ᠶᠢᠨ ᠬᠡᠯᠪᠡᠷᠢ ᠪᠦᠬᠦᠢ ᠠᠵᠦ ᠠᠬᠤᠶᠢᠯᠠᠯ᠂ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠪᠠᠶᠢᠭᠤᠯᠤᠮᠵᠢ ᠵᠡᠷᠭᠡ ᠶᠢ ᠲᠠᠳᠠᠨ ᠤᠷᠤᠭᠤᠯᠵᠦ᠂ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠭᠰᠠᠨ ᠬᠥᠭᠵᠢᠯᠲᠡ ᠶᠢ ᠠᠬᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶
        ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ