3 ᠳ᠋ᠤᠭᠠᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠰᠢᠨ᠎ᠡ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ 48 ᠳ᠋ᠤᠭᠠᠷ ᠤᠳᠠᠭ᠎ᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ︽ᠮᠥᠩᠭᠡ ᠰᠤᠪᠠᠭ︾ APP ᠪᠠ ᠡᠷᠡᠭᠦᠯ ᠮᠡᠨᠳᠦ ᠶᠢᠨ ᠺᠠᠷᠲ ᠵᠡᠷᠭᠡ ᠬᠤᠯᠪᠣᠭᠳᠠᠯ ᠪᠥᠬᠦᠶ ᠠᠰᠠᠭᠤᠳᠠᠯ ᠤᠨ | ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | ᠲᠠᠨᠢᠯᠴᠠᠭᠤᠯᠤᠭᠰᠠᠨ ᠢᠶᠠᠷ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠢᠳᠡᠪᠬᠢᠲᠡᠶ ᠪᠠᠷ ᠠᠵᠢᠯᠯᠠᠨ᠂ ᠥᠪᠡᠷᠲᠡᠭᠡᠨ | ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠡᠯ᠎ᠡ ᠵᠦᠶᠯ ᠤᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ | ᠪᠠᠲᠤᠯᠠᠪᠠ᠃ | ᠨᠢᠭᠡ ᠳᠤ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠴᠢᠩᠭᠠᠳᠬᠠᠵᠤ᠂ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ | ᠴᠢᠩᠭᠠᠳᠬᠠᠵᠤ ︿ᠰᠦᠯᠵᠢᠶᠡᠨ ᠳᠡᠭᠡᠷ᠎ᠡ ᠭᠦᠶᠴᠡᠳᠬᠡᠬᠦ﹀᠂ | ︿ᠤᠷᠢᠳᠴᠢᠯᠠᠨ ᠪᠣᠯᠵᠣᠵᠤ ᠭᠦᠶᠴᠡᠳᠬᠡᠬᠦ﹀᠂ ︿ᠰᠢᠦᠳᠠᠨ ᠢᠶᠠᠷ ᠭᠦᠶᠴᠡᠳᠬᠡᠬᠦ﹀ ᠪᠠᠷ ᠳᠠᠮᠵᠢᠭᠤᠯᠤᠨ ᠶᠡᠭᠡ ᠲᠢᠩᠬᠢᠮ ᠳᠤ ᠬᠦᠷᠴᠦ ᠶᠠᠪᠤᠳᠠᠯ ᠭᠦᠢᠴᠡᠳᠬᠡᠬᠦ ᠶᠢ | ᠪᠠᠭᠠᠰᠬᠠᠬᠤ ᠲᠤᠬᠠᠶ ᠰᠠᠨᠠᠭᠠᠴᠢᠯᠠᠭ᠎ᠠ ᠶᠢᠨ ᠪᠢᠴᠢᠭ︾ ᠢ ᠴᠠᠭ ᠲᠤᠬᠠᠶ ᠳᠤ ᠨᠢ ᠨᠡᠶᠢᠲᠡᠯᠡᠵᠦ᠂ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ 365赢多少钱会被限额_国内有真正的365平台吗_365bet博彩官网 | ᠢ ᠰᠦᠯᠵᠢᠶᠡᠨ ᠳᠡᠭᠡᠷ᠎ᠡ ᠭᠦᠶᠴᠡᠳᠬᠡᠬᠦ᠂ ᠭᠠᠷ ᠤᠲᠠᠰᠤᠨ ᠳᠡᠭᠡᠷ᠎ᠡ ᠭᠦᠶᠴᠡᠳᠬᠡᠬᠦ ᠶᠢ ᠰᠠᠨᠠᠭᠠᠴᠢᠯᠠᠵᠤ᠂ ᠨᠢᠭᠤᠷ ᠵᠣᠯᠭᠠᠯ ᠥᠬᠡᠶ᠂ ᠬᠦᠷᠦᠯᠴᠡᠬᠦ ᠴᠢᠬᠤᠯᠠ ᠦᠭᠡᠢ 365赢多少钱会被限额_国内有真正的365平台吗_365bet博彩官网 | ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠠᠬᠢᠭᠤᠯᠤᠨ᠎ᠠ᠃ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ | ᠤᠨ ᠶᠠᠪᠤᠳᠠᠯ ᠤᠨ ᠦᠶᠯᠡᠴᠢᠯᠡᠭᠡᠨ ᠤ ᠫᠤᠷᠲ᠋ᠧᠯ ᠰᠦᠯᠵᠢᠶ᠎ᠡ ᠶᠢ ᠥᠭᠡᠷᠡᠴᠢᠯᠡᠨ ᠲᠠᠰ ᠳᠡᠪᠰᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠶᠯᠡᠴᠢᠯᠡᠭᠡᠨ ᠤ | ᠲᠤᠰᠬᠠᠶ ᠪᠤᠯᠤᠩ ᠨᠡᠭᠡᠭᠡᠵᠦ᠂ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ ᠦᠶᠯᠡᠴᠢᠯᠡᠭᠡ᠂ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ | ᠦᠶᠯᠡᠳᠪᠦᠷᠢ ᠬᠤᠳᠠᠯᠳᠤᠭᠠᠨ ᠤ ᠡᠷᠦᠬᠡ ᠶᠢᠨ ᠦᠢᠯᠡᠴᠢᠯᠡᠭᠡ ᠭᠤᠷᠪᠠᠨ ᠦᠢᠯᠡᠴᠢᠯᠡᠭᠡᠨ ᠤ ᠲᠣᠭᠤᠷᠢᠭ ᠢ ᠲᠣᠭᠲᠠᠭᠤᠨ ᠢᠶᠠᠷ ᠠᠬᠢᠭᠤᠯᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ ᠳᠤ ᠬᠦᠴᠦᠨ ᠨᠡᠮᠡᠷᠢᠯᠡᠪᠡ᠃ ᠡᠭᠦᠨ ᠠᠴᠠ ᠭᠠᠳᠠᠨ᠎ᠠ᠂ | ᠪᠠᠰᠠ ᠣᠷᠣᠨ ᠪᠦᠰᠡ ᠠᠯᠤᠰᠯᠠᠨ ᠨᠡᠶᠢᠳᠡᠮ ᠭᠦᠶᠴᠡᠳᠬᠡᠬᠦ ᠪᠠ ᠭᠤᠤᠯ ᠰᠡᠳᠦᠪᠲᠦ ᠬᠤᠷᠠᠮᠠᠯ ᠦᠢᠯᠡᠴᠢᠯᠡᠭᠡ ᠶᠢᠨ 2 ᠲᠤᠰᠬᠠᠶ ᠲᠣᠭᠤᠷᠢᠭ ᠭᠠᠷᠭᠠᠵᠤ᠂ ᠣᠷᠣᠨ ᠪᠦᠰᠡ | ᠠᠯᠤᠰᠯᠠᠭᠰᠠᠨ᠂ ᠲᠠᠰ ᠳᠠᠪᠬᠤᠷᠭ᠎ᠠ ᠠᠯᠤᠰᠯᠠᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠶᠯᠡᠴᠢᠯᠡᠭᠡ ᠬᠠᠩᠭᠠᠵᠤ᠂ ᠨᠢᠭᠤᠷ ᠵᠣᠯᠭᠠᠯ ᠥᠬᠡᠶ ᠬᠢᠨᠠᠨ | ᠵᠥᠪᠰᠢᠶᠡᠷᠡᠬᠦ ᠶᠢ ᠶᠡᠭᠡ ᠪᠠᠷ ᠳᠥᠯᠭᠢᠨ ᠠᠬᠢᠭᠤᠯᠪᠠ᠃ | ᠬᠤᠶᠠᠷ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ | ᠤ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠤᠨ ᠠᠮᠤᠷ ᠲᠦᠪᠰᠢᠨ ᠠᠵᠢᠯᠯᠠᠬᠤ ᠶᠢ ᠦᠨᠡᠨ ᠬᠦ ᠪᠠᠲᠤᠯᠠᠵᠤ᠂ ᠪᠠᠴᠢᠮ ᠪᠤᠰᠤ ᠵᠦᠶᠯᠡᠰ ᠢ | ᠬᠤᠶᠢᠰᠢᠯᠠᠭᠤᠯᠤᠨ ᠭᠦᠶᠴᠡᠳᠬᠡᠬᠦ᠂ ᠲᠤᠰᠬᠠᠶ ᠨᠡᠪᠲᠡᠷᠡᠬᠦ ᠵᠠᠮ ᠨᠡᠭᠡᠭᠡᠨ ᠭᠦᠶᠴᠡᠳᠬᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠠᠵᠤ ᠠᠬᠤᠶᠢᠯᠠᠯ ᠣᠯᠠᠨ ᠲᠦᠮᠡᠨ | ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠰᠢᠢᠳᠪᠦᠷᠢᠯᠡᠬᠦ ᠳᠤ ᠳᠥᠭᠦᠮ ᠦᠵᠡᠭᠦᠯᠪᠡ᠃ | ᠭᠤᠷᠪᠠ ᠳᠤ ᠬᠢᠨᠠᠨ ᠵᠥᠪᠰᠢᠶᠡᠷᠡᠬᠦ ᠦᠶᠯᠡᠴᠢᠯᠡᠭᠡᠨ ᠤ ︽ᠠᠮᠠᠯᠠᠯᠲᠠ ᠶᠢᠨ ᠲᠦᠷᠢᠮ︾ ᠤᠨ ᠥᠭᠡᠷᠡᠴᠢᠯᠡᠯᠲᠡ ᠶᠢ ᠬᠡᠷᠡᠭᠵᠢᠭᠦᠯᠪᠡ᠃ ᠥᠪᠡᠷᠲᠡᠭᠡᠨ ᠵᠠᠰᠠᠬᠤ | ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ | ᠶᠢᠨ ᠲᠢᠩᠬᠢᠮ ᠵᠡᠷᠭᠡ 10 ᠰᠠᠯᠠᠭ᠎ᠠ ᠮᠥᠴᠢᠷ ᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠡᠷᠡᠭᠰᠡᠬᠦ ᠡᠳ᠋ ᠪᠠᠷᠠᠭ᠎ᠠ ᠶᠢᠨ ᠰᠢᠨ᠎ᠡ ᠪᠠᠷ ᠪᠠᠶᠢᠭᠤᠯᠬᠤ | ᠲᠥᠷᠥᠯ ᠵᠦᠶᠯ ᠳᠤ ︽ᠠᠮᠠᠯᠠᠯᠲᠠ ᠶᠢᠨ ᠳᠦᠷᠢᠮ︾ ᠤᠨ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠪᠦᠬᠦ ᠲᠠᠯ᠎ᠠ ᠪᠠᠷ ᠬᠡᠷᠡᠭᠵᠢᠭᠦᠯᠪᠡ᠃ ᠥᠪᠡᠷᠲᠡᠭᠡᠨ ᠵᠠᠰᠠᠬᠤ ᠣᠷᠣᠨ | ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠮ ᠤᠨ ᠵᠦᠶᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠤᠯᠪᠣᠭᠳᠠᠬᠤ ᠬᠡᠰᠡᠭ ᠵᠦᠶᠯ ᠳᠤ ᠤᠷᠢᠳᠠᠪᠠᠷ ᠦᠨᠡᠮᠯᠡᠯ ᠣᠯᠭᠤᠵᠤ ᠳᠠᠷᠠᠭ᠎ᠠ ᠨᠢ ᠬᠢᠨᠠᠨ ᠰᠢᠯᠭᠠᠬᠤ ᠶᠢ | ᠬᠡᠷᠡᠭᠵᠢᠭᠦᠯᠬᠦ ᠶᠢᠨ ᠬᠠᠮᠲᠤ ᠬᠢᠨᠠᠨ ᠵᠥᠪᠰᠢᠶᠡᠷᠡᠬᠦ ᠭᠤᠭᠴᠤᠭ᠎ᠠ ᠶᠢ ᠤᠯᠠᠮ ᠨᠢᠭᠡ ᠠᠯᠬᠤᠮ ᠴᠣᠮᠬᠠᠳᠬᠠᠨ᠂ ᠠᠵᠢᠯ ᠡᠷᠬᠢᠯᠡᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠪᠡ᠃ | ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠠᠴᠠ ᠠᠵᠤ ᠦᠶᠯᠡᠳᠪᠦᠷᠢ ᠶᠢᠨ ᠲᠥᠷᠥᠯ ᠵᠦᠶᠯ ᠤᠨ ᠣᠶ ᠰᠢᠭᠤᠶᠢᠲᠤ ᠭᠠᠵᠠᠷ | ᠬᠡᠷᠡᠭᠯᠡᠬᠦ ᠶᠢ ᠬᠢᠨᠠᠨ ᠵᠥᠪᠰᠢᠶᠡᠷᠡᠬᠦ ᠪᠠ ᠲᠠᠲᠠᠪᠤᠷᠢᠯᠠᠨ ᠬᠡᠷᠡᠭᠯᠡᠬᠦ ᠶᠢ ᠬᠢᠨᠠᠨ ᠵᠥᠪᠰᠢᠶᠡᠷᠡᠬᠦ ᠴᠠᠭ ᠢ ᠤᠤᠯ ᠤᠨ 30 ᠡᠳᠦᠷ ᠪᠠᠶᠢᠭᠰᠠᠨ ᠠᠴᠠ ᠨᠢ 20 ᠡᠳᠦᠷ ᠪᠣᠯᠭᠠᠨ | ᠪᠠᠭᠠᠰᠬᠠᠪᠠ᠃ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠢ ᠲᠠᠰᠤᠯᠤᠨ ᠪᠣᠳᠣᠬᠤ᠂ ᠪᠣᠳᠣᠵᠤ ᠣᠯᠭᠤᠬᠤ᠂ ᠨᠥᠭᠴᠢᠭᠰᠡᠳ ᠤᠨ ᠭᠡᠷ ᠪᠦᠯᠢ ᠶᠢᠨ ᠣᠯᠭᠤᠮᠵᠢ ᠵᠡᠷᠭᠡ 3 ᠵᠦᠶᠯᠡᠰ ᠢ ᠭᠦᠶᠴᠡᠳᠬᠡᠬᠦ ᠳᠤ ᠪᠠᠩᠬᠢ ᠶᠢᠨ | ᠺᠠᠷᠲ ᠤᠨ ᠬᠠᠭᠤᠯᠪᠤᠷᠢ ᠵᠡᠷᠭᠡ 5 ᠵᠦᠶᠯ ᠤᠨ ᠮᠠᠲ᠋ᠧᠷᠢᠶᠠᠯ ᠢ ᠬᠦᠴᠦᠨ ᠦᠭᠡᠢ ᠪᠣᠯᠭᠠᠪᠠ᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶ᠎ᠠ ᠤᠵᠢᠭ ᠴᠢᠨᠠᠷᠲᠠᠶ ᠡᠪᠡᠳᠴᠢᠨ ᠤ ᠬᠠᠮᠢᠶᠠᠷᠤᠯᠲᠠ ᠶᠢᠨ ᠬᠢᠨᠠᠨ ᠵᠥᠪᠰᠢᠶᠡᠷᠡᠬᠦ ᠮᠠᠲ᠋ᠧᠷᠢᠶᠠᠯ ᠢ ᠴᠣᠮᠬᠠᠳᠬᠠᠨ᠂ ᠴᠣᠩᠬᠤᠪᠴᠢ ᠪᠠᠷ ᠬᠢᠨᠠᠨ ᠵᠥᠪᠰᠢᠶᠡᠷᠡᠬᠦ | ᠭᠤᠭᠴᠤᠭ᠎ᠠ ᠶᠢ ᠬᠦᠴᠦᠨ ᠥᠬᠡᠶ ᠪᠣᠯᠭᠠᠵᠤ᠂ ᠡᠪᠡᠳᠴᠢᠲᠡᠨ ᠰᠢᠭᠤᠳ ᠡᠮ ᠤᠨ ᠳᠡᠯᠭᠡᠭᠦᠷ ᠲᠤ ᠬᠦᠷᠴᠦ ᠨᠥᠬᠦᠴᠡᠯ ᠳᠤ ᠨᠡᠶᠢᠴᠡᠬᠦ ᠡᠮ ᠤᠨ ᠵᠦᠶᠯ ᠵᠡᠷᠭᠡ ᠶᠢ | ᠬᠤᠳᠠᠯᠳᠤᠨ ᠠᠪᠴᠤ ᠪᠣᠯᠤᠨ᠎ᠠ᠃ | ᠳᠥᠷᠪᠡ ᠳᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠶᠢᠨ ᠡᠷᠬᠡ ᠰᠦᠷᠲᠦ ᠲᠠᠪᠴᠠᠩ ᠤᠨ ᠦᠶᠯᠡᠳᠦᠯ ᠢ ᠭᠦᠶᠴᠡᠳ ᠪᠠᠳᠠᠷᠠᠭᠤᠯᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠶ ᠰᠡᠳᠦᠪ ᠭᠠᠷᠭᠠᠵᠤ᠂ ᠲᠥᠪ ᠤᠨ ᠪᠠᠶᠢᠷᠢᠯᠠᠭᠤᠯᠤᠯᠲᠠ᠂ ᠥᠨᠥᠳᠥᠷ ᠤᠨ ᠠᠩᠬᠠᠷᠤᠯ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ᠂ ᠡᠮᠴᠢᠯᠡᠭᠡᠨ ᠤ ᠪᠠᠲᠤᠯᠠᠭ᠎ᠠ ᠵᠡᠷᠭᠡ 10 ᠪᠤᠯᠤᠩ ᠲᠣᠬᠢᠷᠠᠭᠤᠯᠤᠨ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ | ᠤᠨ ᠡᠯ᠎ᠡ ᠵᠦᠶᠯ ᠤᠨ ᠠᠷᠭ᠎ᠠ ᠬᠡᠮᠵᠢᠶ᠎ᠡ ᠪᠠ ᠬᠠᠮᠢᠶ᠎ᠠ ᠪᠦᠬᠦᠢ ᠮᠡᠳᠡᠭᠡᠯᠡᠯ ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠰᠢᠨ᠎ᠡ ᠪᠠᠶᠢᠳᠠᠯ ᠢ ᠴᠠᠭ ᠲᠤᠬᠠᠶ ᠳᠤ ᠨᠢ ᠨᠡᠶᠢᠲᠡᠯᠡᠬᠦ ᠪᠣᠯᠣᠨ᠎ᠠ᠃ | 3 ᠳ᠋ᠤᠭᠠᠷ ᠰᠠᠷ᠎ᠠ ᠶᠢᠨ 13 ᠤ ᠡᠳᠦᠷ᠂ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠤᠨ ᠰᠢᠯᠵᠢᠮᠡᠯ ᠦᠵᠦᠭᠦᠷ ᠤᠨ ︽ᠮᠥᠩᠬᠡ ᠰᠤᠪᠠᠭ︾ APP ᠶᠢ ᠰᠦᠯᠵᠢᠶᠡᠨ ᠳᠤ ᠲᠤᠷᠰᠢᠨ ᠠᠵᠢᠯᠯᠠᠭᠤᠯᠪᠠ᠃ | ︽ᠮᠥᠩᠬᠡ ᠰᠤᠪᠠᠭ︾ APP ᠪᠣᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠭᠦᠳᠦᠨ ᠪᠠᠶᠢᠭᠤᠯᠤᠭᠰᠠᠨ ᠪᠥᠬᠦ ᠣᠷᠣᠨ ᠤ ᠨᠢᠭᠡ | ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠰᠢᠯᠵᠢᠮᠡᠯ ᠦᠵᠦᠭᠦᠷ ᠪᠣᠯᠤᠨ᠎ᠠ᠂ ᠥᠪᠡᠷᠲᠡᠭᠡᠨ ᠵᠠᠰᠠᠬᠤ | ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤ ᠬᠠᠮᠲᠤᠪᠠᠷ ᠪᠠᠶᠢᠭᠤᠯᠤᠨ ᠬᠠᠮᠲᠤᠪᠠᠷ ᠬᠡᠷᠡᠭᠯᠡᠵᠦ᠂ ᠥᠷᠭᠡᠨ ᠣᠯᠠᠨ ᠲᠦᠮᠡᠨ ᠪᠠ ᠠᠵᠤ | ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠳᠤ ︽ᠨᠢᠭᠡ ᠥᠷᠲᠡᠭᠡ ᠮᠠᠶ᠋ᠢᠭ︾ ᠤᠨ ᠠᠯᠠᠭᠠᠨ ᠳᠡᠭᠡᠷ᠎ᠡ ᠪᠠᠨ ᠪᠠᠶᠢᠴᠠᠭᠠᠨ ᠯᠠᠪᠯᠠᠬᠤ᠂ ᠠᠯᠠᠭᠠᠨ ᠳᠡᠭᠡᠷ᠎ᠡ ᠪᠠᠨ | ᠤᠷᠢᠳᠴᠢᠯᠠᠨ ᠪᠣᠯᠵᠣᠬᠤ᠂ ᠠᠯᠠᠭᠠᠨ ᠳᠡᠭᠡᠷ᠎ᠡ ᠪᠠᠨ ᠭᠦᠢᠴᠡᠳᠬᠡᠬᠦ᠂ ᠠᠯᠠᠭᠠᠨ ᠳᠡᠭᠡᠷ᠎ᠡ ᠪᠠᠨ ᠦᠨᠡᠯᠡᠬᠦ ᠵᠡᠷᠭᠡ ᠪᠥᠬᠦ ᠴᠤᠪᠤᠷᠠᠯ ᠤᠨ ᠰᠦᠯᠵᠢᠶᠡᠨ ᠳᠡᠭᠡᠷᠡᠬᠢ ᠵᠠᠰᠠᠭ ᠤᠨ | ᠶᠠᠪᠤᠳᠠᠯ ᠤᠨ ᠦᠢᠯᠡᠴᠢᠯᠡᠭᠡ ᠬᠠᠩᠭᠠᠨ᠎ᠠ᠃ ᠡᠭᠦᠨ ᠤ ᠬᠠᠮᠲᠤ᠂ ︽ᠮᠥᠩᠬᠡ ᠰᠤᠪᠠᠭ︾ APP ᠪᠠᠰᠠ ᠰᠦᠢᠳᠬᠡᠯ ᠲᠤᠰᠢᠶᠠᠬᠤ᠂ ᠡᠯ᠎ᠡ ᠲᠥᠷᠥᠯ ᠤᠨ ᠪᠠᠶᠢᠴᠠᠭᠠᠨ | ᠯᠠᠪᠯᠠᠬᠤ ᠵᠡᠷᠭᠡ ᠠᠷᠠᠳ ᠲᠤ ᠲᠥᠬᠦᠮ ᠦᠵᠡᠭᠦᠯᠬᠦ ᠣᠯᠠᠨ ᠵᠦᠢᠯ ᠤᠨ ᠦᠢᠯᠡᠴᠢᠯᠡᠭᠡ ᠬᠠᠩᠭᠠᠵᠤ᠂ ᠣᠯᠠᠨ ᠲᠦᠮᠡᠨ ᠢ ᠬᠡᠷ ᠡᠷᠦᠬᠡ ᠠᠴᠠ ᠨᠢ ᠭᠠᠷᠭᠠᠬᠤ ᠥᠬᠡᠶ ᠪᠠᠷ | ᠠᠮᠢᠳᠤᠷᠠᠯ ᠳᠤ ᠨᠢ ᠲᠥᠬᠦᠮ ᠦᠵᠡᠭᠦᠯᠦᠨ᠎ᠡ᠃ | ᠣᠳᠣᠬᠠᠨ ᠳᠤ᠂ ︽ᠮᠥᠩᠬᠡ ᠰᠤᠪᠠᠭ︾ APP ᠨᠢ ᠨᠢᠭᠡᠨᠲᠡ ᠡᠷᠡᠭᠦᠯ ᠮᠡᠨᠳᠦ ᠶᠢᠨ ᠺᠠᠷᠲ᠂ ᠨᠡᠶᠢᠭᠡᠮ ᠤᠨ ᠪᠠᠲᠤᠯᠠᠭ᠎ᠠ ᠶᠢᠨ ᠺᠠᠷᠲ᠂ ᠵᠢᠯᠣᠭᠤᠴᠢ ᠶᠢᠨ | ᠦᠨᠡᠮᠯᠡᠯ᠂ ᠲᠡᠷᠭᠡ ᠶᠠᠪᠤᠭᠤᠯᠬᠤ ᠦᠨᠡᠮᠯᠡᠯ᠂ ᠣᠷᠤᠭ ᠤᠨ ᠦᠨᠡᠮᠯᠡᠯ᠂ ᠣᠷᠤᠭ ᠰᠠᠯᠬᠤ ᠦᠨᠡᠮᠯᠡᠯ᠂ ᠲᠥᠷᠥᠯᠳ᠋ᠨ ᠶᠢᠨ ᠠᠨᠠᠭᠠᠬᠤ ᠤᠬᠠᠭᠠᠨ ᠤ ᠭᠡᠷᠡᠴᠢ᠂ | ᠡᠵᠡᠩᠨᠡᠯᠲᠡ ᠶᠢᠨ ᠦᠨᠡᠮᠯᠡᠯ ᠵᠡᠷᠭᠡ 8 ᠲᠥᠷᠥᠯ ᠤᠨ ᠡᠯᠧᠺᠲᠷᠣᠨ ᠦᠨᠡᠮᠯᠡᠯ ᠢ ᠭᠤᠶᠤᠴᠢᠯᠠᠨ ᠠᠪᠬᠤ ᠪᠠ ᠭᠠᠷᠭᠠᠨ ᠦᠵᠡᠭᠦᠯᠬᠦ ᠵᠢᠴᠢ ᠨᠡᠶᠢᠲᠡ ᠶᠢᠨ ᠬᠤᠷᠠᠮᠳᠤᠯᠭ᠎ᠠ ᠶᠢᠨ | ᠮᠥᠩᠭᠦ᠂ ᠡᠮᠴᠢᠯᠡᠭᠡᠨ ᠤ ᠳᠠᠭᠠᠳᠬᠠᠯ᠂ ᠨᠡᠶᠢᠭᠡᠮ ᠤᠨ ᠳᠠᠭᠠᠳᠬᠠᠯ ᠵᠡᠷᠭᠡ 55 ᠵᠦᠢᠯ ᠤᠨ ᠬᠡᠷᠡᠭᠯᠡᠭᠡᠨ ᠤ ᠳᠠᠪᠲᠠᠮᠵᠢ ᠪᠠᠷ ᠥᠨᠳᠥᠷ ᠥᠪᠡᠷᠮᠢᠴᠡ ᠣᠨᠴᠠᠯᠢᠭᠲᠤ | ᠦᠢᠯᠡᠴᠢᠯᠡᠭᠡ ᠶᠢ ᠳᠡᠮᠵᠢᠬᠦ ᠪᠣᠯᠪᠠ᠃ | ᠥᠪᠡᠷᠲᠡᠭᠡᠨ ᠵᠠᠰᠠᠬᠤ ᠣᠷᠣᠨ ᠤ ᠰᠠᠭᠤᠭᠠᠯᠢ ᠠᠷᠠᠳ ᠵᠥᠪᠬᠡᠨ ᠡᠯ᠎ᠡ ᠲᠣᠮᠣ ᠭᠠᠷ ᠤᠲᠠᠰᠤᠨ ᠤ ᠬᠡᠷᠡᠭᠯᠡᠭᠡᠨ ᠤ ᠳᠡᠯᠭᠡᠭᠦᠷ ᠠᠴᠠ ︽ᠮᠥᠩᠬᠡ ᠰᠤᠪᠠᠭ︾ | APP ᠶᠢ ᠪᠠᠭᠤᠯᠭᠠᠵᠤ ᠠᠪᠬᠤ ᠪᠤᠶᠤ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠩᠬᠢᠮ ᠳᠤ ᠳᠡᠯᠭᠡᠨ ᠦᠵᠡᠭᠦᠯᠵᠦ ᠪᠠᠶᠢᠭ᠎ᠠ ᠬᠤᠶᠠᠷ | ᠬᠡᠮᠵᠢᠭᠳᠡᠯᠲᠦ ᠺᠣᠳ᠋ ᠢ ᠰᠢᠷᠪᠢᠬᠦ ᠪᠠᠷ ᠳᠠᠮᠵᠢᠨ ︽ᠮᠥᠩᠬᠡ ᠰᠤᠪᠠᠭ︾ ᠢ ᠪᠠᠭᠤᠯᠭᠠᠵᠤ ᠠᠪᠬᠤ ᠶᠢᠨ ᠬᠠᠮᠲᠤ ᠳᠠᠩᠰᠠᠯᠠᠭᠤᠯᠬᠤ ᠪᠠ ᠦᠨᠡᠨ ᠨᠡᠷ᠎ᠡ ᠪᠠᠨ ᠭᠡᠷᠡᠴᠢᠯᠡᠭᠰᠡᠨ ᠤ | ᠳᠠᠷᠠᠭ᠎ᠠ ᠳᠠᠷᠤᠶ ︽ᠮᠥᠩᠬᠡ ᠰᠤᠪᠠᠭ︾ APP ᠶᠢᠨ ᠳᠣᠲᠣᠷᠠᠬᠢ ᠡᠯ᠎ᠡ ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠮᠵᠢ ᠶᠢ ᠬᠡᠷᠡᠭᠯᠡᠵᠦ ᠪᠣᠯᠤᠨ᠎ᠠ᠃ | | ︽ᠮᠥᠩᠬᠡ ᠰᠤᠪᠠᠭ︾ APP ︽ᠡᠯᠧᠺᠲᠷᠣᠨ ᠺᠠᠷᠲ ᠤᠨ ᠪᠣᠭᠤᠳᠠᠯ︾ ᠳᠤ ᠨᠢᠭᠡᠨᠲᠡ ᠰᠦᠯᠵᠢᠶᠡᠨ ᠳᠤ ᠤᠷᠤᠭᠰᠠᠨ ᠡᠷᠡᠭᠦᠯ ᠮᠡᠨᠳᠦ ᠶᠢᠨ ᠺᠣᠳ᠋ ︵ | ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠡᠯᠧᠺᠲᠷᠣᠨ ᠺᠠᠷᠲ︶᠂ ᠨᠡᠶᠢᠭᠡᠮ ᠤᠨ ᠪᠠᠲᠤᠯᠠᠭ᠎ᠠ ᠶᠢᠨ ᠺᠠᠷᠲ᠂ ᠡᠯᠧᠺᠲᠷᠣᠨ ᠵᠢᠯᠣᠭᠤᠴᠢ ᠶᠢᠨ ᠦᠨᠡᠮᠯᠡᠯ᠂ ᠡᠯᠧᠺᠲᠷᠣᠨ | ᠲᠡᠷᠭᠡ ᠶᠠᠪᠤᠭᠤᠯᠬᠤ ᠦᠨᠡᠮᠯᠡᠯ᠂ ᠡᠯᠧᠺᠲᠷᠣᠨ ᠣᠷᠤᠭ ᠤᠨ ᠦᠨᠡᠮᠯᠡᠯ᠂ ᠡᠯᠧᠺᠲᠷᠣᠨ ᠲᠥᠷᠥᠯᠳ᠋ᠨ ᠶᠢᠨ ᠠᠨᠠᠭᠠᠬᠤ ᠤᠬᠠᠭᠠᠨ ᠤ ᠭᠡᠷᠡᠴᠢ᠂ ᠡᠯᠧᠺᠲᠷᠣᠨ | ᠡᠵᠡᠩᠨᠡᠯᠲᠡ ᠶᠢᠨ ᠦᠨᠡᠮᠯᠡᠯ ᠵᠡᠷᠭᠡ 8 ᠵᠦᠢᠯ ᠤᠨ ᠡᠯᠧᠺᠲᠷᠣᠨ ᠦᠨᠡᠮᠯᠡᠯ ᠨᠢ ᠰᠠᠭᠤᠭᠠᠯᠢ ᠠᠷᠠᠳ ᠤᠨ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠶᠤᠮ | ᠃ | ᠰᠠᠭᠤᠭᠠᠯᠢ ᠠᠷᠠᠳ ᠤᠨ ᠠᠵᠢᠯ ᠶᠠᠪᠤᠳᠠᠯ ᠭᠦᠢᠴᠡᠳᠬᠡᠬᠦ ᠳᠤ ᠨᠠᠩ ᠲᠥᠬᠦᠮ ᠦᠵᠡᠭᠦᠯᠬᠦ ᠶᠢᠨ ᠲᠥᠯᠥᠭᠡ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ | ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠡᠯᠧᠺᠲᠷᠣᠨ ᠺᠠᠷᠲ ︵ᠡᠷᠡᠭᠦᠯ ᠮᠡᠨᠳᠦ ᠶᠢᠨ ᠺᠣᠳ᠋︶ ᠪᠣᠯ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ | ᠰᠡᠷᠭᠦᠭᠡᠬᠦ ᠶᠢᠨ ︽ᠨᠡᠪᠲᠡᠷᠡᠬᠦ ᠦᠨᠡᠮᠯᠡᠯ︾ ᠮᠥᠨ᠂ ᠡᠭᠦᠨ ᠤ ᠬᠠᠮᠲᠤ ᠪᠠᠰᠠ ︽ᠡᠪᠡᠳᠴᠢᠨ ᠦᠵᠡᠭᠦᠯᠬᠦ ᠺᠠᠷᠲ︾ ᠤᠨ ᠴᠢᠳᠠᠮᠵᠢ ᠶᠢ ᠡᠭᠦᠷᠭᠡᠯᠡᠵᠦ᠂ ᠭᠠᠵᠠᠷ ᠣᠷᠣᠨ | ᠠᠯᠤᠰᠯᠠᠨ᠂ ᠡᠮᠨᠡᠯᠭᠡ ᠶᠢᠨ ᠬᠤᠷᠢᠶ᠎ᠠ ᠠᠯᠤᠰᠯᠠᠨ ᠤᠷᠢᠳᠴᠢᠯᠠᠨ ᠪᠣᠯᠵᠣᠵᠤ ᠳ᠋ᠤᠭᠠᠷᠯᠠᠬᠤ᠂ ᠠᠨᠠᠭᠠᠬᠤ ᠤᠬᠠᠭᠠᠨ ᠤ ᠪᠠᠶᠢᠴᠠᠭᠠᠯᠲᠠ ᠬᠢᠬᠦ᠂ ᠡᠪᠡᠳᠴᠢᠨ ᠤ ᠵᠢᠱᠢᠶ᠎ᠡ ᠶᠢᠨ | ᠲᠡᠮᠳᠡᠭᠯᠡᠯ ᠬᠢᠬᠦ᠂ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ ᠵᠡᠷᠭᠡ ᠦᠢᠯᠡᠴᠢᠯᠡᠭᠡ ᠶᠢ ᠪᠡᠶᠡᠯᠡᠭᠦᠯᠵᠦ ᠪᠠᠶᠢᠨ᠎ᠠ᠃ ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ | ᠺᠠᠷᠲ ᠨᠢ ᠰᠠᠭᠤᠭᠠᠯᠢ ᠠᠷᠠᠳ ᠢ ᠬᠠᠪᠰᠤᠷᠤᠨ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠳᠤ ᠰᠦᠯᠵᠢᠶᠡᠨ ᠳᠡᠭᠡᠷ᠎ᠡ ᠺᠣᠳ᠋ ᠰᠢᠷᠪᠢᠬᠦ ᠪᠠᠷ ᠳᠠᠮᠵᠢᠨ ᠬᠠᠮᠢᠶ᠎ᠠ | ᠪᠥᠬᠦᠶ ᠵᠠᠷᠤᠳᠠᠯ ᠢᠶᠠᠨ ᠳᠥᠯᠥᠵᠦ ᠪᠣᠯᠤᠨ᠎ᠠ᠃ | ᠣᠳᠣᠬᠠᠨ ᠳᠤ ᠶᠠᠭ ᠬᠡᠷᠡᠭᠵᠢᠭᠦᠯᠵᠦ ᠪᠠᠶᠢᠭ᠎ᠠ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠡᠯᠧᠺᠲᠷᠣᠨ ᠺᠠᠷᠲ ︵ᠡᠷᠡᠭᠦᠯ ᠮᠡᠨᠳᠦ ᠶᠢᠨ ᠺᠣᠳ᠋︶ ᠤᠨ | ᠬᠠᠮᠢᠶᠠᠷᠤᠯᠲᠠ ᠶᠢᠨ ᠰᠢᠰᠲ᠋ᠧᠮ ᠨᠢᠭᠡᠨᠲᠡ ᠪᠥᠬᠦ ᠤᠯᠤᠰ ᠤᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠠᠪᠴᠠᠩ ᠳᠤ ᠵᠠᠯᠭᠠᠨ ᠣᠷᠣᠵᠤ᠂ ᠵᠢᠶᠠᠩᠰᠦ᠂ | ᠨᠢᠩᠰᠢᠶᠠ᠂ ᠱᠠᠨᠳᠦ᠋ᠩ᠂ ᠰᠢᠨᠵᠢᠶᠠᠩ᠂ ᠴᠦᠩᠴᠢᠩ᠂ ᠭᠤᠸᠠᠩᠳᠦ᠋ᠩ᠂ ᠲᠢᠶᠠᠨᠵᠢᠨ᠂ ᠬᠠᠶᠢᠨᠠᠨ᠂ ᠬᠤᠨᠠᠨ ᠵᠡᠷᠭᠡ ᠮᠤᠵᠢ ᠬᠤᠲᠠ ᠲᠠᠢ ᠬᠠᠷᠢᠯᠴᠠᠨ ᠮᠡᠳᠡᠷᠡᠭᠰᠡᠨ | ᠪᠠᠶᠢᠨ᠎ᠠ᠃ | ᠨᠢᠭᠡ ᠭᠠᠷ ᠤᠲᠠᠰᠤᠨ ᠤ ᠨᠣᠮᠧᠷ ᠢᠶᠠᠷ ᠭᠡᠷ ᠲᠤ ᠪᠠᠨ ᠰᠠᠭᠤᠭ᠎ᠠ ᠣᠶᠤᠨᠯᠢᠭ ᠭᠠᠷ ᠤᠲᠠᠰᠤ ᠥᠬᠡᠶ ᠨᠠᠰᠤᠲᠠᠨ᠂ ᠨᠠᠰᠤᠨ ᠳᠤ ᠬᠦᠷᠦᠭᠡᠳᠦᠶ ᠬᠡᠤᠬᠡᠳ ᠲᠤ ᠡᠷᠡᠭᠦᠯ | ᠮᠡᠨᠳᠦ ᠶᠢᠨ ᠺᠣᠳ᠋ ᠭᠤᠶᠤᠴᠢᠯᠠᠨ ᠠᠪᠴᠤ ᠥᠭᠴᠦ ᠪᠣᠯᠤᠨ᠎ᠠ᠂ ᠭᠤᠶᠤᠴᠢᠯᠠᠨ ᠠᠪᠬᠤ ᠦᠶ᠎ᠡ ᠳᠤ ᠭᠤᠶᠤᠴᠢᠯᠠᠨ ᠠᠪᠤᠭᠴᠢ ᠳᠤ ᠪᠡᠶ᠎ᠡ ᠶᠢᠨ ᠦᠨᠡᠮᠯᠡᠯ ᠤᠨ ᠮᠡᠳᠡᠭᠡ | ᠵᠠᠩᠭᠢ ᠶᠢᠨ ᠭᠡᠷᠡᠴᠢᠯᠡᠯ ᠬᠢᠨ᠎ᠡ᠃ ᠡᠷᠡᠭᠦᠯ ᠮᠡᠨᠳᠦ ᠶᠢᠨ ᠺᠣᠳ᠋ ᠢ ᠨᠢᠭᠡ ᠯᠡ ᠤᠳᠠᠭ᠎ᠠ ᠭᠤᠶᠤᠴᠢᠯᠠᠨ ᠠᠪᠤᠪᠠᠯ ᠨᠠᠰᠤᠨ ᠲᠤᠷᠰᠢᠳᠠ ᠬᠦᠴᠦᠨ ᠲᠠᠢ᠂ ᠮᠦᠨ ᠴᠦ | ᠰᠠᠭᠤᠭᠠᠯᠢ ᠠᠷᠠᠳ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠬᠤ ᠠᠴᠢᠶᠠᠯᠠᠪᠤᠷᠢ ᠪᠣᠯᠤᠨ᠎ᠠ᠂ ᠰᠠᠭᠤᠭᠠᠯᠢ ᠠᠷᠠᠳ ᠡᠷᠡᠭᠦᠯ | ᠮᠡᠨᠳᠦ ᠶᠢᠨ ᠺᠣᠳ᠋ ᠢᠶᠠᠷ ᠢᠶᠠᠨ ᠡᠮᠴᠢᠯᠡᠭᠦᠯᠵᠦ ᠪᠣᠯᠬᠤ ᠪᠦᠭᠡᠳ ᠠᠶᠢᠮᠠᠭ ᠬᠤᠲᠠ᠂ ᠡᠮᠨᠡᠯᠭᠡ ᠶᠢᠨ ᠬᠤᠷᠢᠶ᠎ᠠ ᠠᠯᠤᠰᠯᠠᠨ ᠨᠡᠶᠢᠳᠡᠮ ᠬᠡᠷᠡᠭᠯᠡᠵᠦ | ᠪᠣᠯᠤᠨ᠎ᠠ᠃ |