2018 ᠣᠨ ᠤ 6 ᠰᠠᠷ᠎ᠠ ᠶᠢᠨ 6 ᠤ ᠡᠳᠦᠷ ᠠᠴᠠ 7 ᠰᠠᠷ᠎ᠠ ᠶᠢᠨ 6 ᠤ ᠡᠳᠦᠷ ᠪᠣᠯᠲᠠᠯ᠎ᠠ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠬᠤᠶᠠᠳᠤᠭᠠᠷ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠠᠴᠠ ᠮᠠᠨ ᠤ ᠣᠷᠣᠨ ᠳᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ | ︽ᠡᠷᠬᠢᠨ ᠬᠠᠷᠠᠬᠤ︾ ᠵᠢᠴᠢ ᠨᠤᠲᠤᠭ ᠪᠡᠯᠴᠢᠭᠡᠷ ᠤᠨ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠤᠨ ᠲᠤᠰᠬᠠᠶ ᠱᠠᠯᠠᠪᠳᠠᠭᠤᠯᠤᠨ ᠪᠠᠶᠢᠴᠠᠭᠠᠯᠲᠠ ᠥᠷᠨᠢᠭᠦᠯᠵᠦ᠂ | 2018 ᠣᠨ ᠤ 11 ᠰᠠᠷ᠎ᠠ ᠶᠢᠨ 17 ᠤ ᠡᠳᠦᠷ ᠮᠠᠨ ᠤ ᠣᠷᠣᠨ ᠳᠤ ᠱᠠᠯᠠᠪᠳᠠᠭᠤᠯᠤᠨ ᠪᠠᠶᠢᠴᠠᠭᠠᠭᠰᠠᠠ ᠰᠠᠨᠠᠯ ᠢᠶᠠᠨ ᠬᠠᠷᠢᠭᠤ ᠲᠤᠰᠬᠠᠪᠠ᠃ ᠦᠪᠡᠷᠳᠡᠭᠡᠨ ᠵᠠᠰᠠᠬᠤ | ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠬᠠᠷᠢᠭᠤ ᠲᠤᠰᠬᠠᠭᠰᠠᠠ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠲᠡᠬᠡᠳᠤ ᠬᠡᠮᠵᠢᠶ᠎ᠡ ᠪᠠᠷ | ᠴᠢᠬᠤᠯᠠᠴᠢᠯᠠᠨ ᠦᠵᠡᠵᠥ᠂ ᠶᠡᠷᠤᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠥ᠂ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ᠂ ᠶᠡᠷᠤᠩᠬᠡᠢ ᠱᠦᠵᠢ ᠰᠢ ᠶᠢᠨ | ᠫᠢᠩ ᠤᠨ ᠦᠪᠤᠷ ᠮᠤᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨᠵᠡᠬᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠥ᠂ ᠴᠡᠭᠴᠡᠯᠡᠨ ᠰᠠᠶᠢᠵᠢᠷᠠᠭᠤᠯᠬᠤ ᠠᠵᠢᠯ ᠢ | ︽ᠲᠦᠷᠪᠡᠨ ᠤᠬᠠᠮᠰᠠᠷ︾ ᠢᠶᠠᠨ ᠴᠢᠩᠭᠠᠳᠬᠠᠬᠤ᠂ ︽ᠲᠦᠷᠪᠡᠨ ᠢᠳᠡᠬᠡᠯ︾ ᠢᠶᠠᠨ ᠪᠠᠳᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠬᠦ ᠪᠤᠳᠠᠳᠤ | ᠠᠵᠢᠯᠯᠠᠭ᠎ᠠ ᠪᠤᠯᠭᠠᠵᠥ᠂ ᠪᠤᠬᠢᠷᠳᠤᠯ ᠢ ᠰᠡᠷᠬᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠤᠯᠬᠤ᠂ ᠦᠪᠤᠷ ᠮᠤᠩᠭᠤᠯ ᠤᠨ ᠴᠢᠨᠠᠷ ᠰᠠᠶᠢᠳᠠᠢ | ᠬᠦᠭᠵᠢᠯᠳᠡ ᠶᠢ ᠠᠬᠢᠭᠤᠯᠬᠤ᠂ ᠮᠠᠨ ᠤ ᠤᠯᠤᠰ ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠳᠤ ᠴᠤᠭᠴᠠᠯᠠᠬᠤ᠂ ᠡᠬᠡ | ᠤᠯᠤᠰ ᠤᠨ ᠤᠮᠠᠷᠠᠳᠤ ᠬᠢᠯᠢ ᠶᠢᠨ ᠲᠦᠮᠡᠨ ᠭᠠᠵᠠᠷ ᠤᠨ ᠨᠤᠮᠢᠨ ᠨᠤᠭᠤᠭᠠᠨ ᠤᠷᠳᠤ ᠴᠠᠭᠠᠨ ᠬᠡᠷᠡᠮ ᠢ ᠪᠠᠶᠢᠭᠤᠯᠬᠤ ᠪᠤᠳᠠᠳᠠᠢ ᠠᠷᠭ᠎ᠠ ᠬᠡᠮᠵᠢᠶ᠎ᠡ ᠪᠤᠯᠭᠠᠵᠥ᠂ ᠴᠡᠭᠴᠡᠯᠡᠨ | ᠰᠠᠶᠢᠵᠢᠷᠠᠭᠤᠯᠬᠤ ᠠᠵᠢᠯ ᠢ ᠡᠷᠡᠰ ᠬᠦᠴᠦᠳᠠᠢ ᠠᠬᠢᠭᠤᠯᠪᠠ᠃ 2019 ᠤᠨ ᠤ 12 ᠰᠠᠷ᠎ᠠ ᠶᠢᠨ ᠰᠡᠬᠦᠯᠴᠢ ᠪᠤᠯᠳᠠᠯ᠎ᠠ᠂ 116 ᠵᠦᠢᠯ ᠤᠨ ᠴᠡᠭᠴᠡᠯᠡᠨ | ᠰᠠᠶᠢᠵᠢᠷᠠᠭᠤᠯᠬᠤ ᠡᠬᠦᠷᠬᠡ ᠶᠢᠨ 80 ᠵᠦᠢᠯ ᠢ ᠨᠢ ᠴᠡᠭᠴᠡᠯᠡᠨ ᠰᠠᠶᠢᠵᠢᠷᠠᠭᠤᠯᠬᠤ ᠲᠦᠰᠦᠯ ᠶᠤᠰᠤ ᠪᠠᠷ ᠪᠡᠶᠡᠯᠡᠬᠦᠯᠵᠥ᠂ ᠦᠯᠡᠳᠡᠭᠰᠡᠡ 36 ᠵᠦᠢᠯ ᠢ ᠨᠢ ᠶᠠᠭ ᠴᠠᠭ ᠤᠨ | ᠲᠡᠰ ᠲᠠᠷᠠᠭᠠᠯᠠᠯ ᠢᠶᠠᠷ ᠢᠳᠡᠪᠬᠢᠳᠡᠢ ᠠᠬᠢᠭᠤᠯᠵᠥ ᠪᠠᠶᠢᠨ᠎ᠠ᠃ | ᠨᠢᠭᠡ᠂ ᠤᠯᠤᠰ ᠲᠦᠷᠦ ᠶᠢᠨ ᠵᠣᠭᠰᠣᠴᠠ ᠪᠠᠨ ᠦᠨᠳᠦᠷᠵᠢᠭᠦᠯᠤᠨ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠪᠤᠳᠠᠳᠠᠢ ᠬᠡᠷᠡᠭᠯᠡᠪᠠ᠃ 2019 ᠣᠨ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠤᠷᠢᠳ ᠬᠤᠵᠢᠳ 2 ᠤᠳᠠᠭ᠎ᠠ ᠪᠥᠬᠦᠳᠡ ᠬᠤᠷᠠᠯ | ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠦᠨᠡᠨ | ᠪᠣᠳᠠᠲᠠᠶ ᠬᠡᠷᠡᠭᠯᠡᠬᠦ ᠶᠢᠨ ᠲᠣᠭᠤᠷᠢᠨ ᠳᠤ ᠭᠤᠤᠯᠳᠠᠯᠭ᠎ᠠ ᠲᠠᠢ ᠪᠠᠶᠢᠷᠢᠯᠠᠭᠤᠯᠤᠯᠲᠠ ᠬᠢᠵᠥ᠂ ︽ᠶᠡᠷᠦᠩᠬᠡᠶ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ | ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ | ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠡᠷᠡᠰ ᠭᠤᠶᠢᠪᠢᠰᠢ ᠥᠬᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠬᠤ ᠲᠤᠬᠠᠶ ᠲᠣᠭᠲᠠᠭᠠᠯ︾᠂ ︽ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠲᠣᠭᠲᠠᠭᠠᠯ︾ ᠵᠡᠷᠭᠡ ᠴᠢᠬᠤᠯᠠ | ᠪᠢᠴᠢᠭ ᠮᠠᠲ᠋ᠧᠷᠢᠶᠠᠯ ᠢ ᠲᠤᠭᠳᠠᠭᠠᠨ ᠨᠠᠶᠢᠳᠠᠯᠠᠵᠥ᠂ ᠶᠡᠷᠤᠩᠬᠡᠢ ᠱᠦᠵᠢ ᠰᠢ ᠶᠢᠨ ᠫᠢᠩ ᠤᠨ ᠲᠠᠭᠠᠭᠠᠯᠭᠠᠭᠰᠠᠠ ︽ᠦᠪᠤᠷ ᠮᠤᠩᠭᠤᠯ ᠢᠶᠠᠨ ᠮᠠᠨ ᠤ ᠤᠯᠤᠰ ᠤᠨ | ᠤᠮᠠᠷᠠᠳᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠤᠯᠭᠠᠨ ᠪᠦᠳᠦᠬᠡᠨ ᠪᠠᠶᠢᠭᠤᠯᠬᠤ︾ ᠵᠡᠷᠬᠡ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ | ᠡᠬᠦᠷᠬᠡ ᠶᠢ ᠪᠠᠳᠤ ᠡᠵᠡᠮᠰᠢᠵᠥ᠂ ᠬᠦᠨᠵᠡᠬᠡᠢ ᠨᠠᠶᠢᠳᠠᠪᠤᠷᠢᠵᠢᠭᠤᠯᠪᠠ᠃ ᠪᠦᠬᠦ ᠤᠷᠤᠨ ᠤ ᠰᠢᠶᠠᠨ ᠭᠠᠵᠠᠷ ᠤᠨ ᠲᠡᠰ ᠤᠨ ᠱᠠᠳᠤᠨ ᠠᠴᠠ ᠲᠡᠭᠡᠭᠰᠢᠬᠢ ᠤᠳᠤᠷᠢᠳᠬᠤ ᠪᠠᠭ | ᠪᠤᠯᠤᠨ ᠤᠳᠤᠷᠢᠳᠬᠤ ᠺᠠᠳ᠋ᠷ ᠤᠨ ᠲᠤᠮᠳᠠ ᠬᠤᠶᠠᠷ ᠰᠠᠷ᠎ᠠ ᠶᠢᠨ ᠬᠤᠭᠤᠴᠠᠭ᠎ᠠ ᠲᠠᠢ ︽ᠦᠵᠡᠯ ᠰᠠᠨᠠᠭ᠎ᠠ ᠪᠠᠨ ᠲᠠᠬᠢᠨ ᠴᠢᠯᠥᠬᠡᠯᠡᠵᠥ᠂ ᠰᠢᠨ᠎ᠡ ᠬᠦᠭᠵᠢᠯᠳᠡ ᠶᠢᠨ | ᠤᠢᠢᠯᠠᠭᠠᠬᠳᠠᠬᠤᠨ ᠢ ᠪᠠᠳᠤᠳᠠᠢ ᠦᠢᠯᠡᠳᠦᠯᠬᠡᠵᠢᠬᠦᠯᠵᠥ᠂ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ︾ ᠶᠢᠨ ᠠᠵᠢᠯᠯᠠᠭ᠎ᠠ | ᠦᠷᠨᠢᠬᠦᠯᠵᠥ᠂ ᠡᠯ᠎ᠡ ᠱᠠᠳᠤᠨ ᠤ ᠨᠠᠮ ᠵᠠᠰᠠᠭ ᠤᠨ ᠤᠳᠤᠷᠢᠳᠬᠤ ᠪᠠᠭ ᠪᠤᠯᠤᠨ ᠤᠳᠤᠷᠢᠳᠬᠤ ᠺᠠᠳ᠋ᠷ ᠤᠨ ᠬᠦᠬᠡᠮᠳᠦᠭ ᠨᠤᠭᠤᠭᠠᠨ ᠠᠭᠤᠯᠠ ᠤᠰᠤ ᠪᠤᠯ ᠠᠯᠳᠠ | ᠮᠥᠩᠬᠦᠨ ᠠᠭᠤᠯᠠ ᠬᠡᠬᠦ ᠤᠢᠢᠯᠠᠭᠠᠬᠳᠠᠬᠤᠨ ᠢ ᠪᠠᠳᠤ ᠪᠤᠢ ᠪᠤᠯᠭᠠᠬᠤ ᠪᠠ ᠦᠢᠯᠡᠳᠦᠯᠬᠡᠵᠢᠬᠦᠯᠬᠦ ᠶᠢ ᠠᠬᠢᠭᠤᠯᠵᠥ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠰᠠᠠ᠂ | ᠪᠤᠬᠢᠷᠳᠤᠯ ᠦᠬᠡᠢ ᠬᠦᠭᠵᠢᠯᠳᠡ ᠪᠠᠷ ᠤᠳᠤᠷᠢᠳᠤᠮᠵᠢ ᠪᠤᠯᠭᠠᠬᠰᠠᠠ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠬᠡᠢ ᠵᠠᠮᠨᠠᠪᠠ᠃ | ᠬᠤᠶᠠᠷ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠲᠦᠯᠬᠢᠨ | ᠠᠬᠢᠭᠤᠯᠪᠠ᠃ ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠱᠦᠵᠢ ᠪᠠᠷ ᠳᠤᠭᠤᠶᠢᠯᠠᠩ ᠤᠨ ᠳᠠᠷᠤᠭ᠎ᠠ ᠪᠤᠯᠭᠠᠭᠰᠠᠠ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠠᠷ ᠨᠢᠭᠡᠳᠦᠭᠡᠷ ᠳᠡᠳ᠋ ᠳᠤᠭᠤᠶᠢᠯᠠᠩ ᠤᠨ ᠳᠠᠷᠤᠭ᠎ᠠ | ᠪᠣᠯᠭᠠᠭᠰᠠᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ᠂ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠤᠷᠢᠳ ᠬᠤᠵᠢᠳ 3 ᠤᠳᠠᠭ᠎ᠠ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ︽ᠡᠷᠬᠢᠨ ᠬᠠᠷᠠᠵᠥ︾ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠰᠤᠳᠤᠯᠪᠠ | ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠮᠠᠨ ᠤ ᠣᠷᠣᠨ ᠤ ᠴᠡᠭᠴᠡᠯᠡᠨ ᠰᠠᠶᠢᠵᠢᠷᠠᠭᠤᠯᠬᠤ ᠲᠥᠰᠦᠯ ᠢ ᠬᠢᠨᠠᠨ ᠵᠥᠪᠰᠢᠶᠡᠷᠡᠭᠰᠡᠨ ᠤ ᠳᠠᠷᠠᠭ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠥᠬᠦ ᠣᠷᠣᠨ ᠤ ᠴᠡᠭᠴᠡᠯᠡᠨ ᠰᠠᠶᠢᠵᠢᠷᠠᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ | ᠶᠡᠭᠡ ᠬᠤᠷᠠᠯ ᠢ ᠲᠡᠷᠡ ᠳᠠᠷᠤᠶ ᠳᠤᠨᠢ ᠬᠤᠷᠠᠯᠳᠤᠭᠤᠯᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠳᠠ ᠶᠢᠨ | ︽ᠡᠷᠬᠢᠨ ᠬᠠᠷᠠᠵᠥ︾ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠳᠤᠷ ᠠᠳᠬᠤᠬᠤ ᠲᠤᠬᠠᠢ ᠳᠠᠬᠢᠨ ᠪᠠᠶᠢᠷᠢᠯᠠᠭᠤᠯᠵᠤ ᠳᠠᠬᠢᠨ | ᠳᠠᠶᠢᠴᠢᠯᠠᠪᠠ᠃ ᠥᠪᠡᠷᠲᠡᠭᠡᠨ ᠵᠠᠰᠠᠬᠤ ᠣᠷᠣᠨ ᠤ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠷᠢᠳ ᠬᠤᠵᠢᠳ | 10 ᠤᠳᠠᠭ᠎ᠠ ᠳᠣᠭᠢᠷᠠᠭᠤᠯᠤᠨ ᠠᠬᠢᠭᠤᠯᠬᠤ ᠬᠤᠷᠠᠯ ᠬᠤᠷᠠᠯᠳᠤᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ | ᠰᠤᠳᠤᠯᠤᠨ ᠰᠢᠢᠳᠪᠦᠷᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠤᠳᠤᠷᠢᠳᠬᠤ ᠨᠥᠬᠦᠳ ᠲᠦᠷᠦᠭᠦᠯᠡᠨ | ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ︽ᠭᠤᠷᠪᠠᠨ ᠨᠠᠭᠤᠷ︾᠂ ᠬᠤᠤᠯᠢᠨ ᠭᠤᠤᠯ ᠵᠡᠷᠭᠡ ᠭᠤᠤᠯᠳᠠᠯᠭ᠎ᠠ ᠲᠠᠢ ᠭᠠᠵᠠᠷ ᠣᠷᠣᠨ ᠳᠤ ᠣᠯᠠᠨ ᠤᠳᠠᠭ᠎ᠠ | ᠭᠦᠨᠵᠡᠭᠡᠶᠢᠷᠡᠨ ᠲᠤᠬᠠᠶ ᠶᠢᠨ ᠲᠠᠯᠠᠪᠠᠶ ᠳᠤ ᠱᠠᠯᠠᠪᠳᠠᠭᠤᠯᠤᠨ ᠵᠢᠯᠣᠭᠤᠳᠴᠤ᠂ ᠪᠠᠭ ᠤᠨ ᠪᠦᠷᠢᠯᠳᠦᠬᠦᠨ ᠨᠡᠷ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ | ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠨ ᠬᠢᠨᠠᠮᠠᠭᠠᠶ ᠰᠠᠶᠢᠲᠤᠷ ᠠᠳᠬᠤᠪᠠ᠃ ᠬᠤᠶᠠᠷ ᠲᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠪᠠ | ᠃ ᠥᠪᠡᠷᠲᠡᠭᠡᠨ ᠵᠠᠰᠠᠬᠤ ᠣᠷᠣᠨ ᠠᠴᠠ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ︽ᠡᠷᠬᠢᠨ ᠬᠠᠷᠠᠬᠤ︾ ᠪᠠ | ᠨᠤᠲᠤᠭ ᠪᠡᠯᠴᠢᠭᠡᠷ ᠤᠨ ᠠᠮᠢ ᠠᠬᠤᠶ ᠶᠢᠨ ᠠᠰᠠᠭᠤᠳᠠᠯ ᠤᠨ ᠲᠤᠰᠬᠠᠶ ᠱᠠᠯᠠᠪᠳᠠᠭᠤᠯᠤᠨ ᠪᠠᠶᠢᠴᠠᠭᠠᠯᠲᠠ ᠵᠢᠴᠢ ᠲᠦᠮᠡᠭᠡᠵᠢ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ | ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠡᠮᠬᠢᠯᠡᠨ ᠳᠢᠭᠯᠡᠭᠰᠡᠨ 116 ᠠᠰᠠᠭᠤᠳᠠᠯ ᠳᠤ ᠬᠠᠷᠢᠭᠤᠴᠠᠯᠭᠠᠲᠤ ᠨᠢᠭᠡᠴᠢ᠂ ᠬᠢᠨᠠᠨ ᠬᠠᠮᠢᠶᠠᠷᠬᠤ | ᠨᠢᠭᠡᠴᠢ᠂ ᠴᠡᠭᠴᠡᠯᠡᠨ ᠰᠠᠶᠢᠵᠢᠷᠠᠭᠤᠯᠬᠤ ᠴᠠᠭ ᠬᠤᠭᠤᠴᠠᠭ᠎ᠠ᠂ ᠴᠡᠭᠴᠡᠯᠡᠨ ᠰᠠᠶᠢᠵᠢᠷᠠᠭᠤᠯᠬᠤ ᠬᠠᠷᠠᠯᠲᠠ ᠪᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠢᠭᠡᠳ | ᠨᠢᠭᠡ ᠪᠠᠷ ᠲᠣᠳᠣᠷᠬᠠᠶᠢᠯᠠᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠨᠢ 12 ᠠᠶᠢᠮᠠᠭ ᠬᠤᠲᠠ ᠪᠠ 17 ᠣᠷᠣᠨ ᠤ ᠰᠢᠭᠤᠳ ᠬᠠᠷᠢᠶ᠎ᠠ ᠰᠠᠯᠠᠭ᠎ᠠ ᠮᠥᠴᠢᠷ | ᠨᠢᠭᠡᠴᠢ ᠶᠢ ᠬᠠᠮᠤᠷᠴᠤ᠂ ᠨᠢᠭᠡ ᠶᠢ ᠴᠡᠭᠴᠡᠯᠡᠨ ᠰᠠᠶᠢᠵᠢᠷᠠᠭᠤᠯᠪᠠᠯ᠂ ᠨᠢᠭᠡ ᠶᠢ ᠬᠦᠴᠦᠨ ᠥᠬᠡᠶ ᠪᠣᠯᠭᠠᠵᠤ᠂ ᠨᠢᠭᠡ ᠶᠢ ᠦᠷ᠎ᠡ ᠪᠦᠲᠦᠮᠵᠢ ᠲᠠᠢ ᠪᠤᠯᠭᠠᠪᠠ᠃ ᠭᠤᠷᠪᠠ ᠳᠤ | ᠂ ᠱᠠᠯᠠᠪᠳᠠᠭᠤᠯᠤᠨ ᠰᠢᠢᠳᠪᠦᠷᠢᠯᠡᠭᠦᠯᠬᠦ ᠡᠷᠴᠢᠮ ᠢᠶᠠᠨ ᠴᠢᠩᠭᠠᠷᠠᠭᠤᠯᠪᠠ᠃ ᠥᠪᠡᠷᠲᠡᠭᠡᠨ ᠵᠠᠰᠠᠬᠤ ᠣᠷᠣᠨ ᠤ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ | ᠠᠵᠢᠯ ᠤᠨ ᠤᠳᠤᠷᠢᠳᠬᠤ ᠳᠤᠭᠤᠶᠢᠯᠠᠩ ᠨᠢ ᠰᠠᠷ᠎ᠠ ᠪᠦᠷᠢ ᠨᠡᠪᠲᠡᠷᠡᠭᠦᠯᠬᠦ᠂ ᠤᠯᠠᠷᠢᠯ ᠢᠶᠠᠷ ᠲᠣᠬᠢᠷᠠᠭᠤᠯᠬᠤ᠂ ᠤᠬᠠᠭᠤᠯᠤᠨ ᠮᠡᠳᠡᠭᠡᠯᠡᠬᠦ᠂ ᠮᠡᠳᠡᠭᠡ ᠵᠠᠩᠭᠢ ᠶᠢ ᠢᠯᠡ | ᠪᠣᠯᠭᠠᠬᠤ᠂ ᠰᠢᠯᠭᠠᠨ ᠬᠤᠷᠢᠶᠠᠵᠤ ᠳ᠋ᠤᠭᠠᠷ ᠢ ᠨᠢ ᠬᠦᠴᠦᠨ ᠥᠬᠡᠶ ᠪᠣᠯᠭᠠᠬᠤ ᠵᠡᠷᠭᠡ 5 ᠵᠦᠢᠯ ᠤᠨ ᠲᠦᠷᠢᠮ ᠢ ᠪᠠᠶᠢᠭᠤᠯᠬᠤ ᠶᠢᠨ ᠬᠠᠮᠲᠤ ᠬᠡᠷᠡᠭᠵᠢᠭᠦᠯᠵᠦ᠂ | ᠱᠠᠭᠠᠷᠳᠠᠯᠭ᠎ᠠ ᠶᠣᠰᠣ ᠪᠠᠷ ᠴᠡᠭᠴᠡᠯᠡᠨ ᠰᠠᠶᠢᠵᠢᠷᠠᠭᠤᠯᠤᠭᠰᠠᠨ ᠥᠬᠡᠶ ᠭᠠᠵᠠᠷ ᠣᠷᠣᠨ ᠪᠠ ᠰᠠᠯᠠᠭ᠎ᠠ ᠮᠥᠴᠢᠷ ᠲᠤ ᠤᠷᠢᠳᠴᠢᠯᠠᠨ ᠰᠡᠷᠡᠮᠵᠢᠯᠡᠭᠦᠯᠵᠦ ᠱᠠᠯᠠᠪᠳᠠᠭᠤᠯᠤᠨ | ᠰᠢᠢᠳᠪᠦᠷᠢᠯᠡᠭᠦᠯᠪᠡ᠃ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠥᠪᠡᠷᠲᠡᠭᠡᠨ ᠵᠠᠰᠠᠬᠤ ᠣᠷᠣᠨ ᠤ ᠣᠨ ᠤ ᠱᠠᠯᠠᠪᠳᠠᠭᠤᠯᠤᠨ ᠪᠠᠶᠢᠴᠠᠭᠠᠬᠤ ᠲᠥᠯᠥᠪᠯᠡᠭᠡ ᠳᠤ | ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠠᠯᠠᠪᠳᠠᠭᠤᠯᠤᠨ ᠪᠠᠶᠢᠴᠠᠭᠠᠬᠤ ᠠᠯᠪᠠᠨ ᠭᠡᠷ᠂ ᠵᠠᠰᠠᠭ ᠤᠨ ᠣᠷᠳᠣᠨ ᠤ ᠱᠠᠯᠠᠪᠳᠠᠭᠤᠯᠤᠨ | ᠪᠠᠶᠢᠴᠠᠭᠠᠬᠤ ᠠᠯᠪᠠᠨ ᠭᠡᠷ ᠲᠥᠯᠥᠪᠯᠡᠭᠡ ᠶᠣᠰᠣ ᠪᠠᠷ ᠲᠤᠰᠬᠠᠶ ᠱᠠᠯᠠᠪᠳᠠᠭᠤᠯᠤᠨ ᠪᠠᠶᠢᠴᠠᠭᠠᠬᠤ ᠠᠵᠢᠯ ᠦᠷᠨᠢᠬᠦᠯᠪᠡ᠃ ︽ᠨᠢᠭᠡ ᠲᠠᠪᠴᠠᠩ ᠨᠢᠭᠡ ᠰᠤᠨᠢᠨ ᠨᠢᠭᠡ | ᠰᠦᠯᠵᠢᠶ᠎ᠡ︾ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠢᠶᠠᠷ ᠳᠠᠮᠵᠢᠭᠤᠯᠤᠨ᠂ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠢ ᠲᠣᠭᠲᠠᠮᠠᠯ | ᠬᠤᠭᠤᠴᠠᠭ᠎ᠠ ᠲᠠᠢ ᠪᠠᠷ ᠵᠠᠷᠯᠠᠨ ᠮᠡᠳᠡᠭᠳᠡᠪᠠ᠃ ᠳᠥᠷᠪᠡ ᠳᠤ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠲᠤᠯᠭᠠᠪᠠ᠃ 2018 ᠣᠨ ᠤ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ︽ᠡᠷᠬᠢᠨ ᠬᠠᠷᠠᠬᠤ︾ ᠬᠤᠭᠤᠴᠠᠭᠠᠨ ᠳᠤ᠂ ᠪᠥᠬᠦ ᠣᠷᠣᠨ ᠳᠤ ᠨᠡᠶᠢᠲᠡ 691 ᠬᠥᠮᠦᠨ ᠠᠴᠠ | ᠬᠠᠷᠢᠭᠤᠴᠠᠯᠭ᠎ᠠ ᠨᠡᠬᠡᠮᠵᠢᠯᠡᠪᠡ︔ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ 99 ᠬᠡᠷᠡᠭ ᠢ ᠬᠡᠷᠡᠭ ᠪᠣᠯᠭᠠᠨ ᠲᠠᠩᠰᠠᠯᠠᠵᠤ ᠲᠠᠩᠨᠠᠨ ᠪᠠᠶᠢᠴᠠᠭᠠᠵᠤ᠂ 22 ᠬᠥᠮᠦᠨ ᠢ | ᠲᠦᠷ ᠬᠤᠷᠢᠪᠠ︔ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ 336 ᠬᠡᠷᠡᠭ ᠢ ᠬᠡᠷᠡᠭ ᠪᠣᠯᠭᠠᠨ ᠲᠠᠩᠰᠠᠯᠠᠵᠤ ᠪᠠᠶᠢᠴᠠᠭᠠᠨ | ᠰᠢᠢᠳᠪᠦᠷᠢᠯᠡᠵᠦ᠂ 3791 ᠲᠦᠮᠡᠨ ᠲᠥᠭᠦᠷᠢᠭ ᠤᠨ ᠵᠣᠭᠤᠰ ᠢᠶᠠᠷ ᠲᠣᠷᠭᠠᠵᠠᠶ᠃ ᠥᠪᠡᠷᠲᠡᠭᠡᠨ ᠵᠠᠰᠠᠬᠤ ᠣᠷᠣᠨ 2018 ᠣᠨ ᠤ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ︽ᠡᠷᠬᠢᠨ ᠬᠠᠷᠠᠬᠤ︾ ᠠᠵᠢᠯ ᠤᠨ ᠰᠢᠯᠵᠢᠭᠦᠯᠦᠨ ᠲᠤᠰᠢᠶᠠᠭᠰᠠᠨ ᠠᠰᠠᠭᠤᠳᠠᠯ ᠤᠨ ᠰᠦᠪᠡᠭᠴᠢ ᠶᠢ 365赢多少钱会被限额_国内有真正的365平台吗_365bet博彩官网 | ᠦᠨᠳᠦᠰᠦᠯᠡᠨ᠂ 115 ᠬᠠᠷᠢᠭᠤᠴᠠᠯᠭᠠᠲᠠᠨ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠶᠢᠨ ᠬᠠᠮᠲᠤ ᠨᠡᠶᠢᠭᠡᠮ ᠳᠤ 4 ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡ | ᠨᠡᠶᠢᠲᠡᠯᠡᠪᠡ᠃ | ᠭᠤᠷᠪᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠮᠢ ᠠᠬᠤᠶ ᠣᠷᠴᠢᠨ ᠲᠣᠭᠤᠷᠢᠨ ᠤ ᠲᠤᠪᠤᠶᠢᠮ᠎ᠡ ᠠᠰᠠᠭᠤᠳᠠᠯ ᠢ ᠬᠦᠴᠦᠯᠡᠨ | ᠰᠢᠢᠳᠪᠦᠷᠢᠯᠡᠬᠦ ᠬᠡᠷᠡᠭᠲᠡᠶ᠃ ᠨᠢᠭᠡ ᠳᠤ᠂ ᠬᠦᠯᠤᠨ ᠨᠠᠭᠤᠷ ᠲᠠᠭ᠎ᠠ ᠶᠢᠨ ᠨᠠᠭᠤᠷ ᠤᠯᠠᠭᠠᠨᠰᠤᠬᠠᠢ ᠶᠢᠨ ᠵᠠᠰᠠᠯᠲᠠ ᠠᠩᠬ᠎ᠠ ᠠᠯᠬᠤᠮ ᠤᠨ ᠦᠷ᠎ᠡ ᠪᠦᠲᠦᠮᠵᠢ ᠤᠯᠪᠠ᠃ | ᠶᠡᠷᠦᠩᠬᠡᠶ ᠱᠦᠵᠢ ᠰᠢ ᠶᠢᠨ ᠫᠢᠩ ᠤᠨ ᠬᠦᠯᠤᠨ ᠨᠠᠭᠤᠷ ᠲᠠᠭ᠎ᠠ ᠶᠢᠨ ᠨᠠᠭᠤᠷ ᠤᠯᠠᠭᠠᠨᠰᠤᠬᠠᠢ ᠶᠢᠨ ᠵᠠᠰᠠᠯᠲᠠ ᠶᠢᠨ ᠲᠤᠬᠠᠶ ᠴᠢᠬᠤᠯᠠ ᠴᠣᠬᠤᠯᠠᠪᠤᠷᠢ ᠵᠢᠭᠠᠪᠤᠷᠢ ᠶᠢᠨ | ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠦᠯᠤᠨ ᠨᠠᠭᠤᠷ ᠲᠠᠭ᠎ᠠ ᠶᠢᠨ ᠨᠠᠭᠤᠷ ᠤᠯᠠᠭᠠᠨᠰᠤᠬᠠᠢ ᠶᠢᠨ ᠠᠮᠢ ᠠᠬᠤᠶ ᠣᠷᠴᠢᠨ | ᠲᠣᠭᠤᠷᠢᠨ ᠤ ᠵᠠᠰᠠᠯᠲᠠ ᠶᠢᠨ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ ᠬᠡᠷᠡᠭᠵᠢᠬᠦᠯᠬᠦ ᠲᠥᠰᠦᠯ︾ ᠢ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ | ᠤᠳᠤᠷᠢᠳᠬᠤ ᠨᠥᠬᠦᠳ ᠭᠤᠤᠯ ᠬᠠᠷᠢᠭᠤᠴᠠᠯᠭ᠎ᠠ ᠡᠭᠦᠷᠭᠡᠯᠡᠵᠦ᠂ ᠮᠤᠵᠢ ᠶᠢᠨ ᠱᠠᠲᠤᠨ ᠤ 3 ᠤᠳᠤᠷᠢᠳᠬᠤ ᠨᠥᠬᠦᠳ ᠲᠣᠰ ᠲᠣᠰ ᠬᠦᠯᠤᠨ ᠨᠠᠭᠤᠷ ᠲᠠᠭ᠎ᠠ ᠶᠢᠨ | ᠨᠠᠭᠤᠷ ᠤᠯᠠᠭᠠᠨᠰᠤᠬᠠᠢ ᠶᠢᠨ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ᠃ ᠪᠠᠶᠢᠭᠠᠯᠢ ᠶᠢᠨ ᠵᠢᠮ᠎ᠡ ᠶᠣᠰᠣ ᠶᠢ ᠬᠦᠨᠳᠦᠳᠬᠡᠵᠦ᠂ ᠤᠯᠤᠰ ᠤᠨ ᠲᠠᠰ ᠤᠨ ᠲᠤᠰᠬᠠᠶ | ᠪᠠᠶᠢᠭᠤᠯᠤᠮᠵᠢ ᠶᠢ ᠤᠷᠢᠵᠤ ᠬᠦᠯᠤᠨ ᠨᠠᠭᠤᠷ ᠲᠠᠭ᠎ᠠ ᠶᠢᠨ ᠨᠠᠭᠤᠷ ᠤᠯᠠᠭᠠᠨᠰᠤᠬᠠᠢ ᠶᠢᠨ ᠤᠰᠤᠨ ᠤ ᠴᠢᠨᠠᠷ ᠤᠰᠤᠨ ᠤ ᠬᠡᠮᠵᠢᠶ᠎ᠡ ᠶᠢᠨ ᠬᠠᠷᠠᠯᠲᠠ ᠶᠢ ᠰᠢᠨᠵᠢᠯᠡᠬᠦ | ᠤᠬᠠᠭᠠᠨᠴᠢ ᠪᠠᠷ ᠨᠤᠲᠠᠯᠠᠭᠤᠯᠵᠤ᠂ 2019 ᠣᠨ ᠤ 9 ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠦᠯᠤᠨ ᠨᠠᠭᠤᠷ ᠲᠠᠭ᠎ᠠ ᠶᠢᠨ ᠨᠠᠭᠤᠷ | ᠤᠯᠠᠭᠠᠨᠰᠤᠬᠠᠢ ᠶᠢᠨ ᠵᠠᠰᠠᠯᠲᠠ ᠳᠤ ᠵᠠᠰᠠᠪᠤᠷᠢ ᠣᠷᠣᠭᠤᠯᠤᠨ ᠨᠠᠶᠢᠷᠠᠭᠤᠯᠬᠤ ᠲᠥᠯᠥᠪᠵᠢᠭᠦᠯᠭᠡ ᠶᠢ ᠵᠥᠪᠰᠢᠶᠡᠷᠡᠪᠡ᠃ 2019 ᠣᠨ ᠤ 12 ᠰᠠᠷ᠎ᠠ ᠪᠣᠯᠲᠠᠯ᠎ᠠ᠂ ᠬᠥᠯᠥᠨ | ᠨᠠᠭᠤᠷ ᠤᠨ ᠶᠡᠷᠦᠩᠬᠡᠶᠢᠯᠡᠭᠰᠡᠨ ᠵᠠᠰᠠᠯᠲᠠ ᠶᠢᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ 13 ᠲᠥᠷᠥᠯ ᠵᠦᠢᠯ ᠢ ᠪᠦᠬᠦᠨ ᠢ ᠪᠠᠷᠢᠯᠭ᠎ᠠ ᠡᠬᠢᠯᠡᠭᠦᠯᠵᠦ᠂ 365赢多少钱会被限额_国内有真正的365平台吗_365bet博彩官网 | ᠡᠭᠦᠨ ᠳᠤ 7 ᠪᠠᠷᠢᠯᠭ᠎ᠠ ᠶᠢ ᠦᠨᠳᠦᠰᠦᠨ ᠳᠡᠭᠡᠨ ᠳᠠᠭᠤᠰᠬᠠᠵᠤ᠂ 10.45 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠬᠥᠯᠥᠨ | ᠨᠠᠭᠤᠷ ᠤᠨ ᠤᠰᠤᠨ ᠤ ᠣᠷᠣᠨ ᠤ ᠲᠠᠯᠠᠪᠠᠶ ᠶᠢ 2030 ᠲᠡᠭᠰᠢ ᠳᠥᠷᠪᠡᠯᠵᠢᠨ ᠺᠢᠯᠣᠮᠧᠲᠷ ᠣᠷᠴᠢᠮ ᠪᠠᠶᠢᠯᠭᠠᠵᠤ᠂ ᠭᠤᠤᠯ ᠪᠣᠯᠬᠤ ᠤᠰᠤᠨ ᠤ ᠴᠢᠨᠠᠷ ᠤᠨ | ᠭᠦᠢᠴᠡᠳᠬᠡᠯ ᠲᠤᠭ᠎ᠠ ᠶᠢ ᠶᠡᠷᠦᠩᠬᠡᠶ ᠳᠡᠭᠡᠨ ᠰᠠᠶᠢᠵᠢᠷᠠᠬᠤ ᠬᠠᠨᠳᠤᠰᠢ ᠲᠠᠢ ᠪᠣᠯᠭᠠᠪᠠ︔ ᠤᠯᠠᠭᠠᠨᠰᠤᠬᠠᠢ ᠶᠢ ᠶᠡᠷᠦᠩᠬᠡᠶᠢᠯᠡᠨ ᠵᠠᠰᠠᠬᠤ ᠲᠥᠯᠥᠪᠵᠢᠭᠦᠯᠭᠡ ︵ᠵᠠᠰᠠᠨ | ᠨᠠᠶᠢᠷᠠᠭᠤᠯᠬᠤ︶ 34 ᠲᠦᠷᠦᠯ ᠵᠦᠢᠯ ᠪᠠᠶᠢᠵᠤ᠂ 11 ᠲᠦᠷᠦᠯ ᠵᠦᠢᠯ ᠢ ᠨᠢ ᠦᠨᠳᠦᠰᠦᠨ ᠳᠡᠭᠡᠨ ᠳᠠᠭᠤᠰᠬᠠᠵᠤ᠂ 22 ᠢ ᠨᠢ ᠪᠠᠶᠢᠭᠤᠯᠵᠤ ᠪᠤᠢ᠂ 16.9 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠤᠰᠤᠨ ᠣᠷᠣᠨ ᠤ ᠲᠠᠯᠠᠪᠠᠢ ᠶᠢ 293 ᠲᠡᠭᠰᠢ ᠳᠥᠷᠪᠡᠯᠵᠢᠨ ᠺᠢᠯᠣᠮᠧᠲᠷ ᠣᠷᠴᠢᠮ | ᠪᠠᠶᠢᠯᠭᠠᠵᠤ᠂ ᠨᠠᠭᠤᠷ ᠤᠨ ᠣᠷᠣᠨ ᠤ ᠪᠦᠬᠦᠯᠢ ᠴᠣᠭᠴᠠ ᠶᠢᠨ ᠤᠰᠤᠨ ᠤ ᠴᠢᠨᠠᠷ ᠶᠡᠷᠦᠩᠬᠡᠢ ᠳᠡᠭᠡᠨ V ᠲᠦᠷᠦᠯ ᠤᠨ ᠤᠰᠤᠨ ᠤ ᠴᠢᠨᠠᠷ ᠲᠤ ᠬᠦᠷᠪᠡ︔ ᠲᠠᠭ᠎ᠠ ᠶᠢᠨ | ᠨᠠᠭᠤᠷ ᠤᠨ ᠠᠮᠢ ᠠᠬᠤᠢ ᠶᠢᠨ ᠵᠠᠰᠠᠯᠲᠠ ᠳᠤ 21 ᠲᠦᠷᠦᠯ ᠵᠦᠢᠯ ᠢ ᠬᠡᠷᠡᠭᠵᠢᠭᠦᠯᠵᠦ᠂ 10 ᠲᠦᠷᠦᠯ ᠵᠦᠢᠯ ᠢ ᠨᠢᠭᠡᠨᠲᠡ ᠪᠠᠶᠢᠭᠤᠯᠵᠤ ᠳᠠᠭᠤᠰᠬᠠᠭᠠᠳ᠂ 11 | ᠪᠠᠶᠢᠭᠤᠯᠵᠤ ᠪᠠᠶᠢᠭ᠎ᠠ ᠨᠢ 10.4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠤᠰᠤᠨ ᠣᠷᠣᠨ ᠤ ᠲᠠᠯᠠᠪᠠᠢ ᠶᠢ ᠦᠨᠳᠦᠰᠦᠨ ᠳᠡᠭᠡᠨ 50 | ᠲᠡᠭᠰᠢ ᠳᠥᠷᠪᠡᠯᠵᠢᠨ ᠺᠢᠯᠣᠮᠧᠲᠷ ᠣᠷᠴᠢᠮ ᠳᠤ ᠲᠣᠭᠲᠠᠪᠤᠷᠢᠵᠢᠭᠤᠯᠵᠤ᠂ ᠳᠠᠭ᠎ᠠ ᠶᠢᠨ ᠨᠠᠭᠤᠷ ᠤᠨ ᠡᠷᠬᠢᠨ ᠲᠣᠭᠤᠷᠢᠨ ᠤ ᠠᠮᠢ ᠠᠬᠤᠢ ᠶᠢᠨ ᠣᠷᠴᠢᠨ ᠲᠣᠭᠤᠷᠢᠨ | ᠠᠯᠬᠤᠮ ᠠᠯᠬᠤᠮ ᠢᠶᠠᠷ ᠰᠠᠶᠢᠵᠢᠷᠠᠵᠤ᠂ ᠰᠠᠪᠠ ᠭᠠᠵᠠᠷ ᠤᠨ ᠳᠣᠲᠣᠷᠠᠬᠢ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠪᠣᠯᠤᠨ ᠰᠢᠪᠠᠭᠤᠨ ᠤ ᠲᠦᠷᠦᠯ ᠵᠦᠢᠯ ᠨᠡᠮᠡᠭᠳᠡᠪᠡ | ᠃ ᠬᠤᠶᠠᠷ ᠲᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢᠳᠡᠪᠬᠢᠲᠡᠶ ᠠᠬᠢᠴᠠ ᠲᠠᠢ ᠪᠣᠯᠪᠠ᠃ ᠬᠥᠬᠡ ᠣᠭᠲᠠᠷᠭᠤᠶ ᠶᠢ | ᠬᠠᠮᠠᠭᠠᠯᠠᠬᠤ ᠳᠠᠶᠢᠯᠠᠯᠳᠤᠭᠠᠨ ᠤ ᠲᠠᠯ᠎ᠠ ᠪᠠᠷ᠂ ᠬᠦᠴᠦᠨ ᠢᠶᠠᠨ ᠲᠥᠪᠯᠡᠷᠡᠭᠦᠯᠦᠨ ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠣᠷᠣᠨ ᠪᠦᠰᠡ ᠶᠢᠨ | ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠪᠥᠬᠦ ᠣᠷᠣᠨ ᠤ ᠢᠯᠴᠢ ᠶᠢᠨ ᠴᠠᠬᠢᠯᠭᠠᠨ᠂ ᠪᠣᠯᠣᠳ ᠲᠡᠮᠦᠷ᠂ ᠱᠦᠢᠨᠢ᠂ ᠰᠢᠯ ᠵᠡᠷᠭᠡ | ᠭᠤᠤᠯᠳᠠᠯᠭ᠎ᠠ ᠲᠠᠢ ᠠᠵᠢᠯ ᠲᠥᠷᠥᠯ ᠤᠨ ᠱᠡᠤ ᠦᠭᠡᠶᠢᠳᠡᠭᠦᠯᠦᠨ ᠲᠣᠭᠤᠰᠣ ᠠᠷᠢᠯᠭᠠᠬᠤ ᠥᠭᠡᠷᠡᠴᠢᠯᠡᠯᠲᠡ ᠶᠢᠨ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠪᠡ᠃ | 2019 ᠣᠨ ᠳᠤ᠂ ᠪᠥᠬᠦ ᠣᠷᠣᠨ ᠤ ᠠᠭᠠᠷ ᠮᠠᠨᠳᠠᠯ ᠤᠨ ᠶᠠᠰᠤ ᠴᠢᠨᠠᠷ ᠤᠨ ᠪᠠᠷᠢᠮᠵᠢᠶ᠎ᠠ ᠳᠤ ᠬᠥᠷᠬᠦ ᠳᠤᠮᠳᠠᠴᠢ ᠡᠳᠦᠷ ᠤᠨ ᠲᠣᠭᠠᠨ ᠤ ᠬᠠᠷᠢᠴᠠᠯ ᠨᠢ 89.6% | ᠪᠤᠯᠵᠤ᠂ 2015 ᠣᠨ ᠤ ᠬᠢ ᠠᠴᠠ ᠵᠠᠭᠤᠨ ᠤ ᠬᠠᠷᠢᠴᠠᠯ ᠢᠶᠠᠷ 3.3 ᠳᠡᠭᠡᠭᠰᠢᠯᠡᠪᠡ᠃ ᠬᠦᠭᠡᠮᠳᠦᠭ ᠤᠰᠤ ᠶᠢ ᠬᠠᠮᠠᠭᠠᠯᠠᠬᠤ ᠲᠡᠶᠢᠯᠠᠯᠳᠤᠭᠠᠨ ᠤ ᠲᠠᠯ᠎ᠠ ᠪᠠᠷ᠂ ᠬᠠᠲᠤᠨ | ᠭᠤᠤᠯ᠂ ᠯᠢᠶᠣᠤᠾᠧ ᠭᠤᠤᠯ᠂ ᠰᠤᠩᠭᠠᠷᠢ ᠮᠥᠷᠡᠨ ᠵᠡᠷᠭᠡ ᠭᠤᠤᠯᠳᠠᠯᠭ᠎ᠠ ᠲᠠᠢ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠠᠵᠢᠯ ᠢ ᠠᠬᠢᠭᠤᠯᠵᠤ᠂ ᠪᠥᠬᠦ ᠣᠷᠣᠨ ᠤ 52 | ᠭᠠᠵᠠᠷ ᠳᠡᠭᠡᠷᠡᠬᠢ ᠤᠰᠤ ᠶᠢ ᠰᠢᠯᠭᠠᠨ ᠪᠠᠶᠢᠴᠠᠭᠠᠬᠤ ᠣᠭᠲᠣᠯᠤᠭᠠᠰᠤ ᠶᠢᠨ ᠰᠢᠯᠢᠳᠡᠭ ᠤᠰᠤᠨ ᠤ ᠬᠠᠷᠢᠴᠠᠯ 63.5% ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ ᠵᠠᠭᠤᠨ ᠤ ᠬᠤᠪᠢ ᠪᠠᠷ 9.7 ᠳᠡᠭᠡᠭᠰᠢᠯᠡᠪᠡ︔ ᠴᠢᠨᠠᠷ ᠮᠠᠭᠤ V ᠲᠥᠷᠥᠯ ᠤᠨ ᠤᠰᠤᠨ ᠴᠣᠭᠴᠠ ᠶᠢᠨ ᠣᠭᠲᠣᠯᠤᠭᠠᠰᠤ ᠶᠢᠨ ᠬᠠᠷᠢᠴᠠᠯ ᠨᠢ | 5.8% ᠪᠠᠶᠢᠵᠤ᠂ 2018 ᠣᠨ ᠤ ᠠᠳᠠᠯᠢ ᠬᠤᠭᠤᠴᠠᠭᠠᠨ ᠤ ᠬᠢ ᠲᠠᠢ ᠲᠡᠩᠴᠡᠪᠠ︔ 13 ᠭᠠᠵᠠᠷ ᠤᠨ᠂ 23.5 ᠺᠢᠯᠣᠮᠧᠲᠷ ᠬᠤᠲᠠ ᠶᠢᠨ ᠪᠣᠬᠢᠷ ᠦᠮᠡᠬᠡᠶ | ᠤᠰᠤᠨ ᠴᠣᠭᠴᠠ ᠶᠢ ᠠᠩᠬ᠎ᠠ ᠠᠯᠬᠤᠮ ᠵᠠᠰᠠᠬᠤ ᠡᠭᠦᠷᠭᠡ ᠶᠢ ᠪᠡᠶᠡᠯᠡᠭᠦᠯᠪᠡ᠃ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠤ ᠲᠠᠯ᠎ᠠ ᠪᠠᠷ᠂ ᠪᠦᠬᠦ ᠣᠷᠣᠨ ᠤ | ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠶ ᠶᠢᠨ ᠪᠣᠬᠢᠷᠲᠤᠯ ᠤᠨ ᠪᠠᠶᠢᠳᠠᠯ ᠢ ᠨᠠᠷᠢᠨ ᠪᠠᠶᠢᠴᠠᠭᠠᠵᠤ᠂ ᠶᠡᠷᠦᠩᠬᠡᠶ ᠳᠡᠭᠡᠨ ᠣᠷᠴᠢᠨ ᠲᠣᠭᠤᠷᠢᠨ ᠤ ᠶᠠᠰᠤ | ᠴᠢᠨᠠᠷ ᠰᠢᠯᠢᠳᠡᠭ ᠰᠠᠶᠢᠨ ᠪᠠᠶᠢᠨ᠎ᠠ᠃ ᠪᠦᠬᠦ ᠰᠢᠰᠲ᠋ᠧᠮ ᠤᠨ ᠬᠦᠨᠳᠦ ᠲᠡᠮᠦᠷᠯᠢᠭ ᠲᠤ ᠬᠤᠯᠪᠣᠭᠳᠠᠭᠰᠠᠨ ᠭᠤᠤᠯᠳᠠᠯᠭ᠎ᠠ ᠲᠠᠢ ᠠᠵᠢᠯ ᠲᠦᠷᠦᠯ ᠤᠨ ᠠᠵᠤ ᠠᠬᠤᠶᠢᠯᠠᠯ ᠤᠨ | ᠲᠣᠳᠣᠷᠬᠠᠶ ᠬᠠᠭᠤᠳᠠᠰᠤ ᠶᠢ ᠪᠠᠶᠢᠭᠤᠯᠵᠤ᠂ 228 ᠠᠵᠤ ᠠᠬᠤᠶᠢᠯᠠᠯ ᠳᠤ ᠭᠤᠤᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠪᠡ᠃ ᠭᠤᠷᠪᠠ ᠳᠤ᠂ ᠲᠤᠰᠬᠠᠶ | ᠴᠡᠭᠴᠡᠯᠡᠨ ᠵᠠᠰᠠᠬᠤ ᠠᠵᠢᠯᠯᠠᠭ᠎ᠠ ᠤᠷᠤᠭᠰᠢᠲᠠᠶ ᠶᠠᠪᠤᠭᠳᠠᠵᠤ ᠪᠠᠶᠢᠨ᠎ᠠ᠃ 2019 ᠣᠨ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ︽ᠪᠣᠬᠢᠷᠲᠤᠯ ᠢ | ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠳᠥᠷᠪᠡᠨ ᠶᠡᠭᠡ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢᠨ ᠠᠵᠢᠯ ᠤᠨ | ᠬᠤᠪᠢᠶᠠᠷᠢᠯᠠᠯ ᠤᠨ ᠲᠥᠰᠦᠯ︾ ᠢ ᠲᠣᠭᠲᠠᠭᠠᠵᠤ᠂ ᠪᠥᠬᠦ ᠣᠷᠣᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷᠠᠬᠢ ᠠᠭᠤᠷᠬᠠᠶ ᠶᠢ ᠭᠠᠳᠠᠭᠰᠢ ᠭᠠᠷᠭᠠᠬᠤ᠂ | ᠠᠭᠤᠷᠬᠠᠶ ᠶᠢ ᠴᠡᠭᠴᠡᠯᠡᠨ ᠵᠠᠰᠠᠬᠤ ᠵᠢᠴᠢ ᠲᠣᠭᠲᠠᠭᠠᠯ ᠠᠴᠠ ᠵᠥᠷᠢᠴᠡᠨ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠬᠦ ᠠᠰᠠᠭᠤᠳᠠᠯ᠂ ᠪᠥᠬᠦ ᠣᠷᠣᠨ ᠤ ᠬᠤᠲᠠ ᠪᠠᠯᠭᠠᠰᠤ | ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠭᠠᠳᠠᠭᠰᠢᠯᠠᠭᠤᠯᠤᠯᠲᠠ ᠪᠠᠷᠢᠮᠵᠢᠶ᠎ᠠ ᠳᠤ ᠬᠥᠷᠬᠦ ᠥᠬᠡᠶ᠂ | ᠳᠤᠮᠳᠠᠴᠢ ᠴᠢᠨᠠᠷ ᠲᠠᠢ ᠤᠰᠤ ᠶᠢ ᠡᠭᠡᠭᠦᠯᠦᠨ ᠬᠡᠷᠡᠭᠯᠡᠬᠦ ᠪᠠ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠠᠰᠠᠭᠤᠳᠠᠯ ᠵᠡᠷᠭᠡ ᠠᠰᠠᠭᠤᠳᠠᠯ ᠣᠷᠣᠰᠢᠵᠤ᠂ | ᠪᠥᠬᠦ ᠣᠷᠣᠨ ᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ᠂ ᠭᠠᠵᠠᠷ ᠳᠣᠤᠷᠠᠬᠢ ᠤᠰᠤ ᠶᠢ ᠬᠡᠲᠦᠷᠠᠳᠠᠯᠡ ᠬᠡᠷᠡᠭᠯᠡᠭᠰᠡᠨ᠂ ᠬᠠᠷ᠎ᠠ ᠦᠮᠡᠬᠡᠶ ᠤᠰᠤᠨ ᠴᠣᠭᠴᠠ ᠶᠢ | ᠵᠠᠰᠠᠬᠤ ᠠᠰᠠᠭᠤᠳᠠᠯ ᠳᠤ᠂ ᠬᠥᠬᠡᠬᠤᠲᠠ᠂ ᠪᠤᠭᠤᠲᠤ᠂ ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠲᠤᠯ ᠤᠨ ᠠᠰᠠᠭᠤᠳᠠᠯ ᠳᠤ | ᠲᠤᠰᠬᠠᠶ ᠴᠡᠭᠴᠡᠯᠡᠨ ᠵᠠᠰᠠᠬᠤ ᠠᠵᠢᠯ ᠥᠷᠨᠢᠭᠦᠯᠵᠦ᠂ ᠣᠯᠠᠨ ᠲᠦᠮᠡᠨ ᠤ ᠠᠩᠬᠠᠷᠴᠤ ᠪᠠᠶᠢᠭ᠎ᠠ ᠨᠢᠭᠡ ᠪᠦᠯᠦᠭ ᠭᠤᠤᠯᠳᠠᠯᠭ᠎ᠠ ᠲᠠᠢ ᠠᠮᠢ ᠠᠬᠤᠶ ᠣᠷᠴᠢᠨ ᠲᠣᠭᠤᠷᠢᠨ ᠤ | ᠠᠰᠠᠭᠤᠳᠠᠯ ᠢ ᠡᠬᠢ ᠡᠭᠦᠰᠦᠯ ᠠᠴᠠ ᠨᠢ ᠰᠢᠢᠳᠪᠦᠷᠢᠯᠡᠪᠡ᠃ | ᠳᠥᠷᠪᠡ᠂ ᠠᠮᠢ ᠠᠬᠤᠢ ᠶᠢᠨ ᠰᠢᠰᠲ᠋ᠧᠮ ᠢ ᠬᠠᠮᠠᠭᠠᠯᠠᠵᠤ᠂ ᠡᠬᠡ ᠤᠯᠤᠰ ᠤᠨ ᠤᠮᠠᠷᠠᠲᠤ ᠶᠢᠨ ᠲᠦᠮᠡᠨ ᠭᠠᠵᠠᠷ ᠤᠨ ᠨᠣᠮᠢᠨ ᠨᠣᠭᠤᠭᠠᠨ ᠤᠷᠲᠤ ᠴᠠᠭᠠᠨ ᠬᠡᠷᠡᠮ ᠢ | ᠴᠣᠭᠴᠠᠯᠠᠨ ᠪᠠᠶᠢᠭᠤᠯᠪᠠ᠃ ᠨᠢᠭᠡ ᠳᠤ ︽ᠭᠤᠷᠪᠠᠨ ᠣᠷᠣᠨ ᠭᠤᠷᠪᠠᠨ ᠱᠤᠭᠤᠮ︾ ᠤᠨ ᠴᠢᠩᠭ᠎ᠠ ᠬᠢᠵᠠᠭᠠᠷᠯᠠᠯ ᠢ ᠰᠠᠶᠢᠲᠤᠷ ᠨᠠᠶᠢᠳᠠᠪᠤᠷᠢᠵᠢᠭᠤᠯᠤᠨ᠎ᠠ᠃ ᠭᠤᠤᠯ | ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠤᠤᠯᠳᠠᠯᠭ᠎ᠠ ᠲᠠᠢ ᠠᠮᠢ | ᠠᠬᠤᠢ ᠶᠢᠨ ᠴᠢᠳᠠᠮᠵᠢᠲᠤ ᠣᠷᠣᠨ ᠤ ᠠᠵᠤ ᠦᠢᠯᠡᠰ ᠤᠨ ᠵᠥᠪᠰᠢᠶᠡᠷᠡᠯ ᠤᠨ ᠨᠠᠵᠠᠭᠠᠶ ᠲᠠᠯ᠎ᠠ ᠶᠢᠨ ᠨᠠᠷᠢᠨ ᠬᠠᠭᠤᠳᠠᠰᠤ ︵ᠲᠤᠷᠰᠢᠨ ᠬᠡᠷᠡᠭᠵᠢᠭᠦᠯᠬᠦ︶ ᠶᠢ ᠲᠣᠭᠲᠠᠭᠠᠨ | ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠡᠬᠢᠯᠡᠨ ᠨᠠᠶᠢᠷᠠᠭᠤᠯᠤᠨ ᠵᠣᠬᠢᠶᠠᠵᠤ᠂ ᠠᠮᠢ | ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠦᠨᠡᠯᠡᠨ ᠵᠢᠱᠢᠵᠦ ᠰᠢᠯᠢᠳᠡᠭᠵᠢᠭᠦᠯᠦᠨ ᠲᠣᠬᠢᠷᠠᠭᠤᠯᠬᠤ ᠠᠵᠢᠯ ᠥᠷᠨᠢᠭᠦᠯᠬᠦ ᠶᠢ ᠲᠦᠯᠬᠢᠨ ᠠᠬᠢᠭᠤᠯᠪᠠ᠃ | ᠬᠤᠶᠠᠷ ᠲᠤ ᠨᠤᠲᠤᠭ ᠪᠡᠯᠴᠢᠭᠡᠷ ᠤᠨ ᠠᠮᠢ ᠠᠬᠤᠢ ᠶᠢᠨ ᠵᠠᠰᠠᠯᠲᠠ ᠶᠢ ᠲᠣᠪᠤᠶᠢᠮ᠎ᠠ ᠰᠠᠶᠢᠲᠤᠷ ᠠᠳᠬᠤᠪᠠ᠃ ᠪᠡᠯᠴᠢᠭᠡᠷᠯᠡᠭᠦᠯᠬᠦ ᠶᠢ ᠵᠤᠭᠰᠤᠭᠠᠵᠤ ᠰᠡᠯᠭᠦᠨ ᠮᠠᠯᠵᠢᠬᠤ᠂ | ᠮᠠᠯ ᠪᠡᠯᠴᠢᠭᠡᠷ ᠢ ᠲᠡᠩᠴᠡᠭᠦᠷᠢᠲᠡᠶ ᠪᠠᠶᠢᠯᠭᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠪᠦᠬᠦ ᠣᠷᠣᠨ ᠳᠤ 4.04 ᠳ᠋ᠦᠩᠰᠢᠭᠤᠷ ᠮᠦ ᠭᠠᠵᠠᠷ ᠲᠤ ᠪᠡᠯᠴᠢᠭᠡᠷᠯᠡᠭᠦᠯᠬᠦ ᠶᠢ | ᠵᠤᠭᠰᠤᠭᠠᠵᠤ᠂ 6.16 ᠳ᠋ᠦᠩᠰᠢᠭᠤᠷ ᠮᠦ ᠭᠠᠵᠠᠷ ᠲᠤ ᠮᠠᠯ ᠪᠡᠯᠴᠢᠭᠡᠷ ᠢ ᠲᠡᠩᠴᠡᠭᠦᠷᠢᠲᠡᠶ ᠪᠠᠶᠢᠯᠭᠠᠬᠤ ᠶᠢ ᠬᠡᠷᠡᠭᠵᠢᠭᠦᠯᠪᠠ᠃ ᠮᠠᠯᠵᠢᠬᠤ ᠶᠢ ᠵᠣᠭᠰᠣᠭᠠᠵᠤ ᠡᠪᠡᠰᠦ | ᠪᠡᠯᠴᠢᠭᠡᠷ ᠢ ᠰᠡᠷᠭᠦᠭᠡᠬᠦ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ ᠵᠡᠷᠭᠡ ᠴᠢᠬᠤᠯᠠ ᠶᠡᠭᠡ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ 413. | 7 ᠲᠦᠮᠡᠨ ᠮᠦ ᠭᠠᠵᠠᠷ ᠲᠤ ᠲᠠᠷᠢᠶᠠᠯᠠᠬᠤ ᠶᠢ ᠵᠣᠭᠰᠣᠭᠠᠵᠤ ᠪᠡᠯᠴᠢᠭᠡᠷᠯᠡᠭᠦᠯᠬᠦ ᠶᠢ ᠵᠣᠭᠰᠣᠭᠠᠨ ᠡᠪᠡᠰᠦ ᠪᠡᠯᠴᠢᠭᠡᠷ ᠢ ᠰᠡᠷᠭᠦᠭᠡᠵᠤ᠂ 3210.7 ᠲᠦᠮᠡᠨ ᠮᠦ ᠭᠠᠵᠠᠷ ᠲᠤ | ᠡᠪᠡᠰᠦ ᠲᠠᠷᠢᠪᠠ᠃ ᠠᠭᠤᠷᠬᠠᠶ ᠮᠠᠯᠲᠠᠭᠠᠳ ᠨᠤᠲᠤᠭ ᠪᠡᠯᠴᠢᠭᠡᠷ ᠢ ᠡᠪᠳᠡᠭᠰᠡᠨ᠂ ᠵᠢᠭᠤᠯᠴᠢᠯᠠᠯ ᠢ ᠡᠮᠬᠢ ᠵᠢᠷᠤᠮ ᠥᠬᠡᠶ ᠨᠡᠭᠡᠭᠡᠨ ᠬᠥᠭᠵᠢᠭᠦᠯᠵᠦ ᠨᠤᠲᠤᠭ ᠪᠡᠯᠴᠢᠭᠡᠷ ᠢ | ᠡᠵᠡᠯᠡᠭᠰᠡᠨ ᠵᠢᠴᠢ ᠬᠡᠲᠦ ᠪᠡᠯᠴᠢᠭᠡᠷᠯᠡᠭᠦᠯᠬᠦ ᠵᠡᠷᠭᠡ ᠠᠰᠠᠭᠤᠳᠠᠯ ᠢ ᠪᠥᠬᠦ ᠲᠠᠯ᠎ᠠ ᠪᠠᠷ ᠦᠯᠡᠳᠡᠬᠡᠯ ᠦᠬᠡᠢ ᠪᠠᠶᠢᠴᠠᠭᠠᠨ ᠵᠠᠰᠠᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ | ᠠᠰᠠᠭᠤᠳᠠᠯ ᠢ ᠲᠤᠰᠬᠠᠶ ᠱᠠᠯᠠᠪᠳᠠᠭᠤᠯᠤᠨ ᠪᠠᠶᠢᠴᠠᠭᠠᠵᠤ ᠲᠣᠭᠲᠠᠭᠠᠭᠰᠠᠨ 19 ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ 7 ᠵᠦᠢᠯ ᠢ ᠨᠢ ᠨᠢᠭᠡᠨᠲᠡ | ᠪᠡᠶᠡᠯᠡᠭᠦᠯᠵᠦ᠂ ᠪᠤᠰᠤᠳ 12 ᠵᠦᠢᠯ ᠢ ᠨᠢ ᠶᠠᠭ ᠡᠮᠬᠢ ᠵᠢᠷᠤᠮ ᠲᠠᠢ ᠠᠬᠢᠭᠤᠯᠵᠤ ᠪᠠᠶᠢᠨ᠎ᠠ᠃ ᠭᠤᠷᠪᠠ ᠳᠤ ᠠᠮᠢ ᠠᠬᠤᠶ ᠶᠢ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ | ᠪᠦᠬᠦ ᠲᠠᠯ᠎ᠠ ᠪᠠᠷ ᠬᠡᠷᠡᠭᠵᠢᠭᠦᠯᠪᠠ᠃ ᠪᠠᠶᠢᠭᠠᠯᠢ ᠶᠢᠨ ᠣᠶ ᠶᠢᠨ ᠡᠬᠢ ᠪᠠᠶᠠᠯᠢᠭ ᠢ ᠬᠠᠮᠠᠭᠠᠯᠠᠬᠤ᠂ ︽ᠤᠮᠠᠷᠠᠲᠤ ᠶᠢᠨ ᠭᠤᠷᠪᠠᠨ ᠣᠷᠣᠨ︾ ᠤ ᠬᠠᠯᠬᠠᠪᠴᠢ ᠣᠶ᠂ | ᠲᠠᠷᠢᠶᠠᠯᠠᠬᠤ ᠶᠢ ᠵᠣᠭᠰᠣᠭᠠᠵᠤ ᠮᠤᠳᠤ ᠲᠠᠷᠢᠵᠤ ᠡᠪᠡᠰᠤ ᠲᠠᠷᠢᠬᠤ᠂ ᠭᠤᠤᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠵᠢᠴᠢ ᠬᠤᠯᠠᠨ ᠰᠢᠷᠭ᠎ᠠ ᠳᠠᠭ᠎ᠠ᠂ | ᠦᠵᠦᠮᠦᠴᠢᠨ᠂ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠵᠡᠷᠭᠡ ᠴᠢᠬᠤᠯᠠ ᠶᠡᠭᠡ ᠠᠮᠢ ᠠᠬᠤᠶ ᠶᠢ ᠰᠡᠷᠭᠦᠭᠡᠬᠦ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠪᠥᠬᠦ | ᠣᠷᠣᠨ ᠤ ᠴᠦᠯᠯᠡᠷᠭᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠶ ᠶᠢᠨ ᠲᠠᠯᠠᠪᠠᠶ ᠦᠷᠭᠦᠯᠵᠢᠯᠡᠨ ︽ᠬᠤᠤᠰ ᠪᠠᠭᠠᠰᠤᠭᠰᠠᠨ︾ ᠠᠮᠵᠢᠯᠲᠠ ᠪᠦᠲᠦᠮᠵᠢ ᠶᠢ ᠤᠯᠵᠤ᠂ | ᠣᠶ ᠰᠢᠭᠤᠶ ᠶᠢᠨ ᠲᠠᠯᠠᠪᠠᠶ ᠪᠠ ᠤᠷᠭᠤᠭ᠎ᠠ ᠮᠣᠳᠣᠨ ᠤ ᠬᠠᠳᠠᠭᠠᠯᠠᠭᠳᠠᠴᠠ ᠦᠷᠭᠦᠯᠵᠢᠯᠡᠨ ︽ᠬᠤᠤᠰ ᠨᠡᠮᠡᠭᠳᠡᠭᠰᠡᠨ︾ ᠪᠠᠶᠢᠨ᠎ᠠ᠃ ᠨᠤᠭᠤ ᠭᠠᠵᠠᠷ ᠤᠨ ᠠᠮᠢ ᠠᠬᠤᠶ ᠶᠢ | ᠰᠡᠷᠭᠦᠭᠡᠬᠦ ᠪᠠ ᠬᠠᠮᠠᠭᠠᠯᠠᠬᠤ ᠶᠢ ᠴᠢᠩᠭᠠᠳᠬᠠᠵᠤ᠂ ᠪᠥᠬᠦ ᠣᠷᠣᠨ ᠳᠤ 53 ᠤᠯᠤᠰ ᠤᠨ ᠨᠤᠭᠤ ᠭᠠᠵᠠᠷ ᠤᠨ ᠴᠡᠴᠡᠷᠯᠢᠭ ᠪᠠᠶᠢᠭᠤᠯᠵᠤ᠂ 19.32 ᠲᠦᠮᠡᠨ ᠾᠧᠺᠲ᠋ᠠᠷ | ᠨᠤᠭᠤ ᠭᠠᠵᠠᠷ ᠢ ᠬᠠᠮᠠᠭᠠᠯᠠᠪᠠ᠃ ᠲᠦᠷᠪᠡ ᠳᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠪᠠ᠃ ᠪᠥᠬᠦ | ᠣᠷᠣᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠢ ᠪᠠᠶᠢᠴᠠᠭᠠᠨ ᠦᠨᠡᠯᠡᠬᠦ ᠪᠠ ᠵᠠᠭᠠᠭ ᠲᠤᠭᠲᠠᠭᠠᠵᠤ ᠪᠠᠷᠢᠮᠵᠢᠶ᠎ᠠ ᠲᠣᠭᠲᠠᠭᠠᠬᠤ ᠠᠵᠢᠯ ᠢ ᠥᠷᠨᠢᠭᠦᠯᠦᠨ᠂ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠤ ᠬᠦᠷᠢᠶ᠎ᠡ ᠬᠡᠪᠴᠢᠶ᠎ᠡ ᠵᠢᠴᠢ ᠴᠢᠳᠠᠮᠵᠢᠲᠤ ᠣᠷᠣᠨ ᠤ ᠲᠣᠬᠢᠷᠠᠭᠤᠯᠤᠯᠲᠠ ᠶᠢ ᠴᠢᠩᠭ᠎ᠠ ᠵᠢᠷᠤᠮᠵᠢᠭᠤᠯᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ | ᠠᠰᠠᠭᠤᠳᠠᠯ ᠢ ᠨᠠᠷᠢᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠪᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ | ᠪᠠᠶᠢᠴᠠᠭᠠᠯᠲᠠ ᠳᠤ ᠵᠢᠭᠠᠵᠤ ᠭᠠᠷᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷᠠᠬᠢ 663 ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ | 633 ᠠᠵᠤ ᠠᠬᠤᠶᠢᠯᠠᠯ ᠨᠢ ᠤᠬᠤᠷᠢᠨ ᠭᠠᠷᠴᠤ᠂ ᠤᠬᠤᠷᠢᠨ ᠭᠠᠷᠤᠭᠰᠠᠨ ᠨᠤᠷᠮ᠎ᠠ ᠨᠢ 95.5% ᠳᠤ ᠬᠦᠷᠴᠤ᠂ ᠪᠤᠰᠤᠳ 30 ᠦᠢᠯᠡᠳᠪᠦᠷᠢ ᠠᠭᠤᠷᠬᠠᠢ ᠶᠢᠨ | ᠠᠵᠤ ᠠᠬᠤᠶᠢᠯᠠᠯ ᠢ ᠪᠦᠬᠦᠨ ᠢ ᠬᠠᠭᠠᠵᠤ ᠵᠣᠭᠰᠣᠭᠠᠪᠠ᠃ ᠲᠦᠮᠡᠭᠡᠵᠢ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠱᠠᠯᠠᠪᠳᠠᠭᠤᠯᠤᠨ | ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠳᠤ ᠵᠢᠭᠠᠵᠤ ᠭᠠᠷᠭᠠᠭᠰᠠᠨ 16 ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ 15 ᠵᠦᠢᠯ ᠢ ᠨᠢ ᠪᠡᠶᠡᠯᠡᠭᠦᠯᠵᠦ᠂ | ᠪᠤᠰᠤᠳ 1 ᠵᠦᠢᠯ ᠢ ᠨᠢ ᠶᠠᠭ ᠡᠮᠬᠢ ᠵᠢᠷᠤᠮ ᠲᠠᠢ ᠠᠬᠢᠭᠤᠯᠵᠤ ᠪᠠᠶᠢᠨ᠎ᠠ᠃ | ᠲᠠᠪᠤ᠂ ᠳᠦᠷᠢᠮ ᠤᠨ ᠪᠠᠶᠢᠭᠤᠯᠤᠯᠲᠠ ᠶᠢ ᠲᠦᠷᠭᠡᠳᠬᠡᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠦᠷᠢᠨᠰᠢᠬᠦᠯᠤᠨ ᠲᠡᠭᠦᠯᠳᠡᠷᠵᠢᠭᠦᠯᠪᠠ᠃ ᠠᠮᠢ ᠠᠬᠤᠶ ᠣᠷᠴᠢᠨ ᠲᠤᠭᠤᠷᠢᠨ ᠤ ᠬᠠᠮᠠᠭᠠᠯᠠᠯᠲᠠ ᠶᠢᠨ ᠬᠠᠤᠯᠢ ᠲᠣᠭᠲᠠᠭᠠᠯ ᠲᠦᠷᠦ ᠶᠢᠨ ᠪᠤᠳᠤᠯᠭ᠎ᠠ ᠶᠢ | ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠡᠬᠢ ᠡᠭᠦᠰᠦᠯ ᠠᠴᠠ ᠨᠢ ᠠᠳᠬᠤᠬᠤ᠂ ᠦᠨᠳᠦᠰᠦᠨ ᠠᠴᠠ ᠨᠢ ᠵᠠᠰᠠᠬᠤ᠂ ᠤᠷᠲᠤᠮᠵᠢ ᠶᠢᠨ ᠴᠢᠨᠠᠷᠲᠠᠢ ᠪᠠᠶᠢᠭᠤᠯᠤᠯ | ᠲᠣᠭᠲᠠᠴᠠ ᠶᠢ ᠪᠠᠶᠢᠭᠤᠯᠬᠤ ᠶᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠦᠷᠢᠮ ᠳᠤ ︽ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢ ᠪᠥᠬᠦ ᠲᠠᠯ᠎ᠠ ᠪᠠᠷ ᠴᠢᠩᠭᠠᠳᠬᠠᠵᠤ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠲᠤᠬᠠᠶ | ᠬᠡᠷᠡᠭᠵᠢᠭᠦᠯᠬᠦ ᠰᠠᠨᠠᠯ︾᠂ ︽ᠠᠮᠢ ᠠᠬᠤᠶ ᠣᠷᠴᠢᠨ ᠲᠣᠭᠤᠷᠢᠨ ᠤ ᠬᠤᠬᠢᠷᠠᠯ ᠢ ᠳᠥᠯᠥᠬᠦ ᠲᠦᠷᠢᠮ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ᠢ | ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠪᠠᠷ ᠪᠣᠶ ᠪᠣᠯᠤᠭᠰᠠᠨ | ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠵᠢᠭᠦᠯᠬᠦ ᠲᠥᠰᠦᠯ ︵2018 — 2020 ᠣᠨ︶︾᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠨᠤᠭᠤ ᠭᠠᠵᠠᠷ ᠢ ᠬᠠᠮᠠᠭᠠᠯᠠᠨ ᠰᠡᠷᠭᠦᠭᠡᠬᠦ ᠲᠦᠷᠢᠮ ᠤᠨ ᠬᠡᠷᠡᠭᠵᠢᠭᠦᠯᠬᠦ ᠲᠥᠰᠦᠯ︾᠂ ︽ᠭᠠᠵᠠᠷ ᠳᠣᠤᠷᠠᠬᠢ ᠤᠰᠤᠨ ᠤ ᠠᠮᠢ ᠠᠬᠤᠶ ᠶᠢᠨ | ᠬᠠᠮᠠᠭᠠᠯᠠᠯᠲᠠ ᠪᠠ ᠵᠠᠰᠠᠯᠲᠠ ᠶᠢ ᠴᠢᠩᠭᠠᠳᠬᠠᠬᠤ ᠲᠤᠬᠠᠶ ᠵᠢᠯᠣᠭᠤᠳᠬᠤ ᠰᠠᠨᠠᠯ︾ ᠵᠡᠷᠭᠡ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠨᠡᠶᠢᠲᠡᠯᠡᠵᠦ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷ ᠮᠠᠯ ᠢ ᠲᠡᠩᠴᠡᠭᠦᠷᠢᠲᠡᠶ ᠪᠠᠶᠢᠯᠭᠠᠬᠤ ᠵᠢᠯᠣᠭᠤᠳᠬᠤ ᠰᠠᠨᠠᠯ︾ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠨ ᠰᠡᠷᠬᠦᠬᠡᠬᠦ ᠲᠦᠯᠤᠪᠵᠢᠬᠦᠯᠬᠡ︾ ᠶᠢ ᠲᠤᠭᠳᠠᠭᠠᠵᠤ | ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ | ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠶ ᠬᠤᠲᠠ ᠵᠢᠴᠢ ᠡᠷᠬᠢᠨ ᠲᠣᠭᠤᠷᠢᠨ ᠤ ᠭᠠᠵᠠᠷ | ᠣᠷᠣᠨ ᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ︾ ᠢ ᠨᠡᠶᠢᠲᠡᠯᠡᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠨ ᠨᠠᠭᠤᠷ ᠤᠨ ᠤᠯᠤᠰ ᠤᠨ ᠲᠠᠰ ᠤᠨ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠦᠷᠢᠮ︾ ᠵᠡᠷᠭᠡ 9 ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠵᠤ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ︾ ᠢ ᠲᠣᠭᠲᠠᠭᠠᠵᠤ ᠪᠣᠶ᠃ | ᠴᠢᠷᠮᠠᠶᠢᠯᠭ᠎ᠠ ᠪᠠᠷ ᠳᠡᠮᠵᠢᠨ᠂ ᠮᠠᠨ ᠤ ᠣᠷᠣᠨ ᠤ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ︽ᠡᠷᠬᠢᠨ | ᠬᠠᠷᠠᠬᠤ︾ ᠵᠢᠴᠢ ᠨᠤᠲᠤᠭ ᠪᠡᠯᠴᠢᠭᠡᠷ ᠤᠨ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠤᠨ ᠲᠤᠰᠬᠠᠶ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ | ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢᠳᠡᠪᠬᠢᠲᠡᠶ ᠠᠬᠢᠴᠠ ᠲᠠᠢ ᠪᠣᠯᠪᠠ᠃ ᠭᠡᠪᠡᠴᠦ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠠᠵᠢᠯ ᠪᠠᠰᠠ ᠨᠡᠯᠢᠶᠡᠳ ᠶᠡᠭᠡ ᠵᠥᠷᠢᠶ᠎ᠡ ᠲᠠᠢ ᠪᠠᠶᠢᠵᠤ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠡᠭᠦᠷᠭᠡ ᠶᠢ | ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠬᠡᠶ᠂ ᠪᠤᠭᠤᠲᠤ᠂ ᠬᠥᠬᠡᠬᠤᠲᠠ ᠵᠡᠷᠭᠡ ᠬᠤᠲᠠ ᠶᠢᠨ ᠠᠭᠠᠷ ᠤᠨ ᠶᠠᠰᠤ ᠴᠢᠨᠠᠷ ᠢᠯᠡᠳᠲᠡ ᠰᠠᠶᠢᠵᠢᠷᠠᠭᠰᠠᠨ ᠥᠬᠡᠶ | ᠪᠠᠶᠢᠵᠤ᠂ ᠨᠢᠭᠡ ᠦᠶ᠎ᠡ ᠪᠥᠬᠦ ᠤᠯᠤᠰ ᠤᠨ ᠬᠤᠶᠢᠭᠤᠷ ᠣᠷᠣᠪᠠ︔ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠬᠯᠠᠬᠤ ᠲᠠᠯ᠎ᠠ ᠪᠠᠷ ᠪᠦᠳᠦᠭᠦᠯᠢᠭ | ᠪᠠᠶᠢᠵᠤ᠂ ᠴᠥᠭᠡᠨ ᠲᠣᠭᠠᠨ ᠤ ᠠᠭᠤᠷᠬᠠᠢ ᠶᠢᠨ ᠭᠠᠵᠠᠷ ᠵᠦ᠋ᠢ ᠶᠢᠨ ᠣᠷᠴᠢᠨ ᠲᠣᠭᠤᠷᠢᠨ ᠢ ᠵᠠᠰᠠᠬᠤ ᠠᠬᠢᠴᠠ ᠤᠳᠠᠭᠠᠨ᠂ ᠠᠮᠢ ᠠᠬᠤᠢ ᠣᠷᠴᠢᠨ ᠲᠣᠭᠤᠷᠢᠨ ᠢ ᠡᠪᠳᠡᠬᠦ | ᠬᠠᠨᠳᠤᠰᠢ ᠶᠢ ᠦᠨᠳᠦᠰᠦᠨ ᠠᠴᠠ ᠨᠢ ᠬᠤᠪᠢᠷᠠᠭᠤᠯᠤᠭᠠᠳᠤᠢ ᠪᠠᠶᠢᠭᠰᠠᠭᠠᠷ᠃ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ᠂ ᠵᠠᠷᠢᠮ ᠰᠠᠪᠠ ᠭᠠᠵᠠᠷ ᠤᠨ ᠣᠭᠲᠣᠯᠤᠭᠠᠰᠤ ᠨᠢ ᠤᠯᠤᠰ ᠤᠨ ᠤᠰᠤᠨ ᠤ ᠴᠢᠨᠠᠷ ᠢ ᠬᠢᠨᠠᠨ ᠰᠢᠯᠭᠠᠬᠤ | ᠬᠠᠷᠠᠯᠲᠠ ᠶᠢᠨ ᠱᠠᠭᠠᠷᠳᠠᠯᠭ᠎ᠠ ᠳᠤ ᠬᠠᠷᠠᠬᠠᠨ ᠬᠦᠷᠦᠭᠡ ᠦᠭᠡᠢ᠂ ᠮᠥᠨ ᠯᠡ ᠲᠠᠪᠤᠨ ᠲᠦᠷᠦᠯ ᠤᠨ ᠴᠢᠨᠠᠷ ᠮᠠᠭᠤ ᠤᠰᠤᠨ ᠳᠤ ᠬᠠᠷᠢᠶᠠᠯᠠᠬᠳᠠᠵᠤ ᠪᠠᠶᠢᠨ᠎ᠠ︔ ᠬᠠᠲᠠᠭᠤ | ᠪᠡᠶᠡᠲᠦ ᠬᠠᠶᠠᠭᠳᠠᠮᠠᠯ ᠪᠣᠳᠠᠰ ᠤᠨ ᠬᠠᠳᠠᠭᠠᠯᠠᠭᠳᠠᠴᠠ ᠶᠡᠭᠡ᠂ ᠶᠡᠷᠦᠩᠬᠡᠶᠢᠯᠡᠨ ᠠᠰᠢᠬᠯᠠᠬᠤ ᠨᠤᠷᠮ᠎ᠠ ᠳᠣᠤᠷ᠎ᠠ ᠪᠠᠶᠢᠨ᠎ᠠ︔ ᠵᠠᠷᠢᠮ ᠭᠠᠵᠠᠷ ᠣᠷᠣᠨ ᠤ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠳᠠᠬᠢ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠢ ᠪᠦᠬᠦᠨ ᠢ ᠭᠠᠷᠭᠠᠭᠰᠠᠨ ᠦᠭᠡᠢ᠂ ᠬᠡᠰᠡᠭ ᠠᠵᠤ ᠠᠬᠤᠶᠢᠯᠠᠯ ᠤᠨ ᠠᠮᠢ ᠠᠬᠤᠶ ᠶᠢ | ᠰᠡᠷᠭᠦᠭᠡᠨ ᠵᠠᠰᠠᠭᠰᠠᠨ ᠨᠢ ᠬᠦᠷᠦᠯᠴᠡᠬᠦ ᠦᠭᠡᠢ ᠪᠠᠶᠢᠨ᠎ᠠ︔ ᠲᠣᠭᠲᠠᠭᠠᠯ ᠠᠴᠠ ᠵᠥᠷᠢᠴᠡᠨ ᠨᠤᠲᠤᠭ ᠪᠡᠯᠴᠢᠭᠡᠷ ᠢ ᠲᠠᠲᠠᠪᠤᠷᠢᠯᠠᠨ ᠡᠵᠡᠯᠡᠵᠦ ᠬᠡᠷᠡᠭᠯᠡᠬᠦ ᠲᠥᠷᠥᠯ ᠵᠦᠢᠯ ᠢ | ᠴᠡᠪᠡᠷᠯᠠᠵᠤ ᠴᠡᠭᠴᠡᠯᠡᠨ ᠵᠠᠰᠠᠭᠰᠠᠨ ᠨᠢ ᠲᠦᠢᠯᠪᠤᠷᠢᠲᠠᠶ ᠪᠤᠰᠤ ᠵᠡᠷᠭᠡ ᠪᠣᠯᠤᠨ᠎ᠠ᠃ ᠡᠳᠡᠭᠡᠷ ᠠᠰᠠᠭᠤᠳᠠᠯ ᠳᠤ ᠦᠷᠭᠦᠯᠵᠢᠯᠡᠨ ᠬᠦᠴᠦᠯᠡᠵᠦ᠂ ᠵᠠᠰᠠᠯᠲᠠ ᠶᠢᠨ ᠡᠷᠴᠢᠮ ᠢᠶᠠᠨ | ᠴᠢᠩᠭᠠᠷᠠᠭᠤᠯᠵᠤ᠂ ᠠᠮᠢ ᠠᠬᠤᠢ ᠣᠷᠴᠢᠨ ᠲᠣᠭᠤᠷᠢᠨ ᠤ ᠳᠤᠲᠠᠭᠤᠳᠠᠯ ᠢ ᠬᠦᠴᠦᠯᠡᠨ ᠨᠥᠬᠦᠪᠥᠷᠢᠯᠡᠬᠦ ᠬᠡᠷᠡᠭᠲᠡᠢ᠃ ᠪᠢᠳᠡ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ︽ᠡᠷᠬᠢᠨ | ᠬᠠᠷᠠᠬᠤ︾ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ | ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠲᠦᠷᠭᠡᠳᠬᠡᠨ ᠪᠠᠶᠢᠭᠤᠯᠵᠤ᠂ ᠡᠬᠡ ᠤᠯᠤᠰ ᠤᠨ ᠤᠮᠠᠷᠠᠲᠤ ᠶᠢᠨ ᠲᠦᠮᠡᠨ ᠭᠠᠵᠠᠷ ᠤᠨ ᠨᠣᠮᠢᠨ | ᠨᠣᠭᠤᠭᠠᠨ ᠤᠷᠲᠤ ᠴᠠᠭᠠᠨ ᠬᠡᠷᠡᠮ ᠢ ᠴᠣᠭᠴᠠᠯᠠᠬᠤ ᠬᠡᠷᠡᠭᠲᠡᠢ᠃ |