内蒙古自治区人民政府 365赢多少钱会被限额_国内有真正的365平台吗_365bet博彩官网

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠤ ᠤᠷᠤᠨ ᠨᠤᠲᠤᠭ ᠤᠨ ᠴᠢᠨᠠᠷᠲᠠᠢ ᠬᠠᠤᠯᠢ ᠲᠤᠭᠲᠠᠭᠠᠯ ᠤᠨ ᠲᠦᠰᠦᠯ ᠪᠠ ᠵᠠᠰᠠᠭ ᠤᠨ ᠣᠷᠳᠤᠨ ᠤ ᠲᠤᠭᠲᠠᠭᠠᠯ ᠳᠥᠷᠢᠮ ᠢ ᠲᠤᠭᠲᠠᠭᠠᠬᠤ ᠳᠡᠰ ᠳᠠᠷᠠᠭᠠᠯᠠᠯ ᠤᠨ ᠲᠣᠭᠲᠠᠭᠠᠯ
        ᠨᠡᠶᠢᠲᠡᠯᠡᠭᠰᠡᠨ ᠴᠠᠭ᠄
        2020/4/17
               ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ                                                                                          243 ᠳ᠋ᠤᠭᠠᠷ ᠲᠤᠭᠠᠳᠤ            ︽ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠤ ᠤᠷᠤᠨ ᠨᠤᠲᠤᠭ ᠤᠨ ᠴᠢᠨᠠᠷᠲᠠᠢ ᠬᠠᠤᠯᠢ ᠲᠤᠭᠲᠠᠭᠠᠯ ᠤᠨ ᠲᠦᠰᠦᠯ ᠪᠠ ᠵᠠᠰᠠᠭ ᠤᠨ ᠣᠷᠳᠤᠨ ᠤ ᠲᠤᠭᠲᠠᠭᠠᠯ ᠳᠥᠷᠢᠮ ᠢ ᠲᠤᠭᠲᠠᠭᠠᠬᠤ ᠳᠡᠰ ᠳᠠᠷᠠᠭᠠᠯᠠᠯ ᠤᠨ ᠲᠣᠭᠲᠠᠭᠠᠯ︾ ᠢ 2019 ᠣᠨ ᠤ 11 ᠳ᠋ᠤᠭᠡᠷ ᠰᠠᠷ᠎ᠠ ᠶᠢᠨ 28 ᠤ ᠡᠳᠦᠷ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠤ ᠬᠤᠷᠢᠨ ᠳᠦᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠦᠪᠯᠡᠵᠦ ᠪᠠᠲᠤᠯᠠᠭᠠᠳ᠂ ᠡᠳᠦᠭᠡ ᠨᠡᠶᠢᠲᠡᠯᠡᠪᠡ᠂ 2020 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠤᠨ᠎ᠠ᠃                            ᠥᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ  ᠪᠦ᠋ ᠰᠢᠶᠤᠤ ᠯᠢᠨ                                   2019 ᠣᠨ ᠤ 12 ᠳ᠋ᠤᠭᠠᠷ ᠰᠠᠷ᠎ᠠ ᠶᠢᠨ 15 ᠤ ᠡᠳᠦᠷ          ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠤ          ᠤᠷᠤᠨ ᠨᠤᠲᠤᠭ ᠤᠨ ᠴᠢᠨᠠᠷᠲᠠᠢ ᠬᠠᠤᠯᠢ ᠲᠤᠭᠲᠠᠭᠠᠯ ᠤᠨ ᠲᠦᠰᠦᠯ ᠪᠠ ᠵᠠᠰᠠᠭ ᠤᠨ ᠣᠷᠳᠤᠨ ᠤ          ᠲᠤᠭᠲᠠᠭᠠᠯ ᠳᠥᠷᠢᠮ ᠢ ᠲᠤᠭᠲᠠᠭᠠᠬᠤ ᠳᠡᠰ ᠳᠠᠷᠠᠭᠠᠯᠠᠯ ᠤᠨ ᠲᠣᠭᠲᠠᠭᠠᠯ     ᠨᠢᠭᠡᠳᠦᠭᠡᠷ ᠪᠦᠯᠦᠭ ᠶᠡᠷᠦᠩᠬᠡᠢ ᠳᠥᠷᠢᠮ     ᠨᠢᠭᠡᠳᠦᠭᠡᠷ ᠵᠦᠢᠯ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠤ ᠤᠷᠤᠨ ᠨᠤᠲᠤᠭ ᠤᠨ ᠴᠢᠨᠠᠷᠲᠠᠢ ᠬᠠᠤᠯᠢ ᠲᠤᠭᠲᠠᠭᠠᠯ ᠤᠨ ᠲᠦᠰᠦᠯ ᠢ ᠨᠣᠣᠷᠠᠭᠯᠠᠨ ᠲᠤᠭᠲᠠᠭᠠᠬᠤ ᠪᠠ ᠵᠠᠰᠠᠭ ᠤᠨ ᠣᠷᠳᠤᠨ ᠤ ᠲᠤᠭᠲᠠᠭᠠᠯ ᠳᠥᠷᠢᠮ ᠢ ᠲᠤᠭᠲᠠᠭᠠᠬᠤ ᠳᠡᠰ ᠳᠠᠷᠠᠭᠠᠯᠠᠯ ᠢ ᠵᠢᠷᠤᠮᠵᠢᠭᠤᠯᠵᠤ᠂ ᠬᠠᠤᠯᠢ ᠲᠤᠭᠲᠠᠭᠠᠬᠤ ᠶᠠᠰᠤ ᠴᠢᠨᠠᠷ ᠢ ᠪᠠᠲᠤᠯᠠᠨ᠂ ᠬᠠᠤᠯᠢ ᠲᠣᠭᠲᠠᠭᠠᠯᠲᠠ ᠶᠢᠨ ᠬᠦᠲᠦᠯᠦᠨ ᠳᠠᠭᠠᠭᠤᠯᠬᠤ ᠪᠠ ᠲᠦᠯᠬᠢᠨ ᠠᠬᠢᠭᠤᠯᠬᠤ ᠦᠢᠯᠡᠳᠦᠯ ᠢ ᠪᠠᠳᠠᠷᠠᠭᠤᠯᠬᠤ ᠶᠢᠨ ᠲᠤᠰᠠᠲᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ ᠲᠤᠭᠲᠠᠭᠠᠬᠤ ᠬᠠᠤᠯᠢ︾ ︽ᠲᠤᠭᠲᠠᠭᠠᠯ ᠳᠥᠷᠢᠮ ᠢ ᠲᠤᠭᠲᠠᠭᠠᠬᠤ ᠳᠡᠰ ᠳᠠᠷᠠᠭᠠᠯᠠᠯ ᠤᠨ ᠳᠥᠷᠢᠮ︾ ᠵᠡᠷᠭᠡ ᠬᠠᠤᠯᠢ ᠴᠠᠭᠠᠵᠠ᠂ ᠬᠠᠤᠯᠢ ᠲᠤᠭᠲᠠᠭᠠᠯ ᠢ ᠦᠨᠳᠦᠰᠦᠯᠡᠵᠦ᠂ ᠥᠪᠡᠷᠲᠡᠭᠡᠨ ᠵᠠᠰᠠᠬᠤ ᠤᠷᠤᠨ ᠤ ᠪᠤᠳᠠᠲᠠᠢ ᠲᠠᠢ ᠤᠶᠠᠯᠳᠤᠭᠤᠯᠤᠨ᠂ ᠲᠤᠰ ᠲᠤᠭᠲᠠᠭᠠᠯ ᠢ ᠲᠤᠭᠲᠠᠭᠠᠪᠠ᠃      ᠬᠤᠶᠠᠳᠤᠭᠠᠷ ᠵᠦᠢᠯ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠤᠷᠤᠨ ᠨᠤᠲᠤᠭ ᠤᠨ ᠴᠢᠨᠠᠷᠲᠠᠢ ᠬᠠᠤᠯᠢ ᠲᠤᠭᠲᠠᠭᠠᠯ ᠤᠨ ᠲᠦᠰᠦᠯ ᠢ ᠨᠣᠣᠷᠠᠭᠯᠠᠨ ᠲᠤᠭᠲᠠᠭᠠᠬᠤ ᠪᠠ ᠵᠠᠰᠠᠭ ᠤᠨ ᠣᠷᠳᠤᠨ ᠤ ᠲᠤᠭᠲᠠᠭᠠᠯ ᠳᠥᠷᠢᠮ ᠢ ᠲᠤᠭᠲᠠᠭᠠᠬᠤ ᠳᠤ ᠲᠤᠰ ᠲᠤᠭᠲᠠᠭᠠᠯ ᠢ ᠲᠣᠬᠢᠷᠠᠭᠤᠯᠤᠨ ᠬᠡᠷᠡᠭᠯᠡᠨ᠎ᠡ᠃      ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠨᠢ ᠵᠠᠰᠠᠭ ᠤᠨ ᠣᠷᠳᠤᠨ ᠤ ᠬᠠᠤᠯᠢ ᠲᠣᠭᠲᠠᠭᠠᠯᠲᠠ ᠶᠢᠨ ᠠᠵᠢᠯ ᠢ ᠤᠳᠤᠷᠢᠳᠬᠤ ᠪᠠᠨ ᠴᠢᠩᠭᠠᠳᠬᠠᠵᠤ᠂ ᠬᠠᠤᠯᠢ ᠲᠣᠭᠲᠠᠭᠠᠯᠲᠠ ᠶᠢᠨ ᠠᠵᠢᠯ ᠤᠨ ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠬᠡᠷᠡᠭᠲᠡᠢ᠃ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠤᠷᠤᠨ ᠨᠤᠲᠤᠭ ᠤᠨ ᠴᠢᠨᠠᠷᠲᠠᠢ ᠬᠠᠤᠯᠢ ᠲᠤᠭᠲᠠᠭᠠᠯ ᠤᠨ ᠲᠦᠰᠦᠯ ᠪᠠ ᠵᠠᠰᠠᠭ ᠤᠨ ᠣᠷᠳᠤᠨ ᠤ ᠲᠤᠭᠲᠠᠭᠠᠯ ᠳᠥᠷᠢᠮ ᠲᠣᠭᠲᠠᠭᠠᠬᠤ ᠶᠢ ᠵᠣᠬᠢᠶᠠᠨ ᠪᠠᠶᠢᠭᠤᠯᠬᠤ᠂ ᠵᠢᠯᠤᠭᠤᠳᠬᠤ᠂ ᠵᠣᠬᠢᠴᠠᠭᠤᠯᠬᠤ ᠪᠠ ᠲᠦᠰᠦᠯ ᠢ ᠬᠢᠨᠠᠨ ᠪᠠᠶᠢᠴᠠᠭᠠᠬᠤ ᠠᠵᠢᠯ ᠢ ᠪᠤᠲᠠᠲᠠᠢ ᠬᠠᠷᠢᠭᠤᠴᠠᠬᠤ ᠬᠡᠷᠡᠭᠲᠡᠢ᠃     ᠳᠦᠷᠪᠡᠳᠦᠭᠡᠷ ᠵᠦᠢᠯ ᠤᠷᠤᠨ ᠨᠤᠲᠤᠭ ᠤᠨ ᠴᠢᠨᠠᠷᠲᠠᠢ ᠬᠠᠤᠯᠢ ᠲᠤᠭᠲᠠᠭᠠᠯ ᠤᠨ ᠲᠦᠰᠦᠯ ᠪᠠ ᠵᠠᠰᠠᠭ ᠤᠨ ᠣᠷᠳᠤᠨ ᠤ ᠲᠤᠭᠲᠠᠭᠠᠯ ᠳᠥᠷᠢᠮ ᠢ ᠲᠣᠭᠲᠠᠭᠠᠬᠤ ᠳᠤ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠤᠯᠭ᠎ᠠ ᠪᠠ ᠰᠢᠢᠳᠪᠦᠷᠢᠳᠦ ᠪᠣᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠤᠯᠢ ᠲᠣᠭᠲᠠᠭᠠᠬᠤ ᠬᠠᠤᠯᠢ ᠠᠴᠠ ᠲᠣᠭᠲᠠᠭᠠᠭᠰᠠᠨ ᠬᠠᠤᠯᠢ ᠲᠣᠭᠲᠠᠭᠠᠯᠲᠠ ᠶᠢᠨ ᠵᠠᠷᠴᠢᠮ ᠢ ᠵᠢᠷᠦᠮᠯᠠᠵᠤ᠂ ᠦᠨᠳᠦᠰᠦᠨ ᠬᠠᠤᠯᠢ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ ᠪᠤᠯᠤᠨ ᠪᠤᠰᠤᠳ ᠳᠡᠭᠡᠳᠦ ᠪᠠᠶᠢᠷᠢ ᠶᠢᠨ ᠬᠠᠤᠯᠢ ᠶᠢᠨ ᠲᠣᠭᠲᠠᠭᠠᠯ ᠲᠠᠢ ᠨᠡᠶᠢᠴᠡᠬᠦᠯᠦᠨ᠂ ᠨᠡᠶᠢᠲᠡ ᠣᠯᠠᠨ ᠤ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠨ ᠬᠠᠤᠯᠢ ᠲᠣᠭᠲᠠᠭᠠᠯᠲᠠ ᠶᠢᠨ ᠠᠵᠢᠯᠯᠠᠭᠠᠨ ᠳᠤ ᠣᠷᠤᠯᠴᠠᠬᠤ ᠶᠢ ᠪᠠᠲᠤᠯᠠᠨ᠂ ᠣᠷᠤᠨ ᠨᠤᠲᠤᠭ ᠤᠨ ᠣᠨᠴᠠᠯᠢᠭ ᠪᠤᠯᠤᠨ ᠦᠨᠳᠦᠰᠦᠲᠡᠨ ᠤ ᠣᠨᠴᠠᠯᠢᠭ ᠢ ᠢᠯᠡᠷᠡᠭᠦᠯᠵᠦ᠂ ᠬᠠᠨᠲᠤᠯᠭᠠᠲᠤ ᠴᠢᠨᠠᠷ ᠪᠤᠯᠤᠨ ᠬᠡᠷᠡᠭᠵᠢᠭᠦᠯᠵᠦ ᠪᠣᠯᠬᠤᠶᠢᠴᠠ ᠴᠢᠨᠠᠷ ᠢ ᠴᠢᠩᠭᠠᠳᠬᠠᠬᠤ ᠬᠡᠷᠡᠭᠲᠡᠢ᠃     ᠲᠠᠪᠤᠳᠤᠭᠠᠷ ᠵᠦᠢᠯ ᠤᠯᠤᠰ ᠲᠦᠷᠦ ᠶᠢᠨ ᠲᠠᠯ᠎ᠠ ᠪᠠᠷ ᠬᠢ ᠬᠠᠤᠯᠢ ᠴᠠᠭᠠᠵᠠ ᠬᠠᠤᠯᠢ ᠲᠤᠭᠲᠠᠭᠠᠯ ᠤᠨ ᠵᠠᠰᠠᠭ ᠤᠨ ᠣᠷᠳᠤᠨ ᠤ ᠲᠦᠭᠦᠷ ᠲᠤᠭᠲᠠᠭᠠᠯ ᠳᠥᠷᠢᠮ ᠪᠣᠯᠤᠨ ᠠᠵᠤ ᠠᠬᠤᠢ ᠨᠡᠶᠢᠭᠡᠮ ᠤᠨ ᠲᠠᠯ᠎ᠠ ᠪᠠᠷ ᠬᠢ ᠵᠠᠰᠠᠭ ᠤᠨ ᠣᠷᠳᠤᠨ ᠤ ᠴᠢᠬᠤᠯᠠ ᠶᠡᠭᠡ ᠲᠤᠭᠲᠠᠭᠠᠯ ᠳᠥᠷᠢᠮ ᠢ ᠲᠤᠭᠲᠠᠭᠠᠬᠤ ᠳᠤ᠂ ᠬᠤᠯᠪᠣᠭᠳᠠᠯ ᠪᠦᠬᠦᠢ ᠲᠤᠭᠲᠠᠭᠠᠯ ᠶᠤᠰᠤᠭᠠᠷ ᠴᠠᠭ ᠲᠤᠬᠠᠢ ᠳᠤ ᠨᠢ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠳᠤ ᠮᠡᠳᠡᠭᠦᠯᠬᠦ ᠬᠡᠷᠡᠭᠲᠡᠢ᠃      ᠵᠢᠷᠭᠤᠳᠤᠭᠠᠷ ᠵᠦᠢᠯ ᠤᠷᠤᠨ ᠨᠤᠲᠤᠭ ᠤᠨ ᠴᠢᠨᠠᠷᠲᠠᠢ ᠬᠠᠤᠯᠢ ᠲᠤᠭᠲᠠᠭᠠᠯ ᠤᠨ ᠲᠦᠰᠦᠯ ᠲᠤᠭᠲᠠᠭᠠᠬᠤ ᠳᠡᠰ ᠳᠠᠷᠠᠭᠠᠯᠠᠯ ᠳᠤ ᠲᠤᠭᠲᠠᠭᠠᠬᠤ ᠵᠦᠢᠯ᠂ ᠲᠤᠭᠤᠷᠪᠢᠬᠤ᠂ ᠬᠢᠨᠠᠨ ᠪᠠᠶᠢᠴᠠᠭᠠᠬᠤ᠂ ᠲᠤᠨᠨᠳᠠᠭᠠᠬᠤ᠂ ᠬᠢᠨᠠᠨ ᠶᠠᠷᠢᠯᠴᠠᠭᠤᠯᠬᠤ ᠪᠠᠷ ᠳᠡᠪᠰᠢᠭᠦᠯᠬᠦ ᠶᠢ ᠪᠠᠭᠲᠠᠭᠠᠨ᠎ᠠ᠃ ᠵᠠᠰᠠᠭ ᠤᠨ ᠣᠷᠳᠤᠨ ᠤ ᠲᠤᠭᠲᠠᠭᠠᠯ ᠳᠥᠷᠢᠮ ᠢ ᠲᠣᠭᠲᠠᠭᠠᠬᠤ ᠳᠡᠰ ᠳᠠᠷᠠᠭᠠᠯᠠᠯ ᠳᠤ ᠲᠤᠭᠲᠠᠭᠠᠬᠤ ᠵᠦᠢᠯ᠂ ᠲᠤᠭᠤᠷᠪᠢᠬᠤ᠂ ᠬᠢᠨᠠᠨ ᠪᠠᠶᠢᠴᠠᠭᠠᠬᠤ᠂ ᠲᠣᠭᠲᠠᠭᠠᠬᠤ᠂ ᠨᠡᠶᠢᠲᠡᠯᠡᠬᠦ᠂ ᠪᠦᠷᠢᠳᠭᠡᠨ ᠳᠠᠩᠰᠠᠯᠠᠬᠤ ᠪᠠ ᠲᠠᠶᠢᠯᠪᠤᠷᠢᠯᠠᠬᠤ ᠶᠢ ᠪᠠᠭᠲᠠᠭᠠᠨ᠎ᠠ᠃      ᠳᠤᠯᠤᠳᠤᠭᠠᠷ ᠵᠦᠢᠯ ᠤᠷᠤᠨ ᠨᠤᠲᠤᠭ ᠤᠨ ᠴᠢᠨᠠᠷᠲᠠᠢ ᠬᠠᠤᠯᠢ ᠲᠤᠭᠲᠠᠭᠠᠯ ᠤᠨ ᠲᠦᠰᠦᠯ ᠪᠠ ᠵᠠᠰᠠᠭ ᠤᠨ ᠣᠷᠳᠤᠨ ᠤ ᠲᠤᠭᠲᠠᠭᠠᠯ ᠳᠥᠷᠢᠮ ᠢ ᠲᠣᠭᠲᠠᠭᠠᠬᠤ ᠳᠤ ᠬᠠᠤᠯᠢ ᠲᠣᠭᠲᠠᠭᠠᠯᠲᠠ ᠶᠢᠨ ᠮᠡᠷᠭᠡᠵᠢᠯ ᠤᠨ ᠵᠢᠷᠦᠮᠵᠢᠯ ᠳᠤ ᠨᠡᠶᠢᠴᠡᠵᠦ᠂ ᠯᠣᠭᠢᠭ ᠴᠢᠨᠠᠷ ᠢᠶᠠᠷ ᠴᠢᠩᠭ᠎ᠠ᠂ ᠡᠮᠬᠢ ᠵᠢᠷᠦᠮ ᠢᠯᠭᠤᠮ ᠲᠤᠳᠤ᠂ ᠠᠭᠤᠯᠭ᠎ᠠ ᠨᠢ ᠲᠣᠳᠤᠷᠬᠠᠢ ᠪᠦᠭᠡᠳ ᠪᠣᠲᠠᠲᠠᠢ᠂ ᠬᠡᠯᠡ ᠬᠡᠯᠡᠯᠭᠡ ᠣᠨᠤᠪᠴᠢᠲᠠᠢ ᠪᠦᠭᠡᠳ ᠳᠦᠭᠦᠮ ᠠᠪᠰᠠᠷᠬᠠᠨ ᠪᠠᠶᠢᠵᠤ᠂ ᠬᠡᠷᠡᠭᠵᠢᠭᠦᠯᠵᠦ ᠪᠣᠯᠬᠤᠶᠢᠴᠠ ᠪᠠᠶᠢᠬᠤ ᠬᠡᠷᠡᠭᠲᠡᠢ᠃ ᠳᠡᠭᠡᠳᠦ ᠪᠠᠶᠢᠷᠢ ᠶᠢᠨ ᠬᠠᠤᠯᠢ ᠳᠤ ᠨᠢᠭᠡᠨᠲᠡ ᠲᠣᠳᠤᠷᠬᠠᠢ ᠲᠣᠭᠲᠠᠭᠠᠭᠰᠠᠨ ᠠᠭᠤᠯᠭ᠎ᠠ ᠶᠢ ᠪᠣᠯ ᠤᠷᠤᠨ ᠨᠤᠲᠤᠭ ᠤᠨ ᠴᠢᠨᠠᠷᠲᠠᠢ ᠬᠠᠤᠯᠢ ᠲᠤᠭᠲᠠᠭᠠᠯ ᠪᠠ ᠵᠠᠰᠠᠭ ᠤᠨ ᠣᠷᠳᠤᠨ ᠤ ᠲᠤᠭᠲᠠᠭᠠᠯ ᠳᠥᠷᠢᠮ ᠳᠤ ᠵᠠᠷᠴᠢᠮ ᠳᠡᠭᠡᠷ᠎ᠡ ᠪᠠᠨ ᠲᠠᠪᠬᠤᠷᠳᠠᠭᠤᠯᠤᠨ ᠲᠣᠭᠲᠠᠭᠠᠬᠤ ᠦᠭᠡᠢ᠃      ᠨᠠᠢᠮᠠᠳᠤᠭᠠᠷ ᠵᠦᠢᠯ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ᠂ ᠤᠷᠤᠨ ᠨᠤᠲᠤᠭ ᠤᠨ ᠴᠢᠨᠠᠷᠲᠠᠢ ᠬᠠᠤᠯᠢ ᠲᠤᠭᠲᠠᠭᠠᠯ ᠤᠨ ᠦᠨᠳᠦᠰᠦᠯᠡᠯ ᠪᠠᠶᠢᠬᠤ ᠦᠭᠡᠢ ᠪᠣᠯ᠂ ᠵᠠᠰᠠᠭ ᠤᠨ ᠣᠷᠳᠤᠨ ᠤ ᠲᠤᠭᠲᠠᠭᠠᠯ ᠳᠥᠷᠢᠮ ᠳᠤ ᠡᠷᠬᠡᠲᠦ ᠠᠷᠠᠳ᠂ ᠬᠠᠤᠯᠢ ᠶᠢᠨ ᠡᠷᠬᠡᠲᠡᠨ ᠪᠤᠯᠤᠨ ᠪᠤᠰᠤᠳ ᠵᠣᠬᠢᠶᠠᠨ ᠪᠠᠶᠢᠭᠤᠯᠤᠯᠲᠠ ᠶᠢᠨ ᠡᠷᠬᠡ ᠠᠰᠢᠭ ᠢ ᠨᠢ ᠬᠠᠰᠤᠵᠤ ᠬᠤᠬᠢᠷᠠᠭᠤᠯᠬᠤ ᠪᠤᠶᠤ ᠡᠭᠦᠷᠭᠡ ᠶᠢ ᠨᠢ ᠨᠡᠮᠡᠭᠳᠡᠭᠦᠯᠬᠦ ᠵᠢᠷᠦᠮᠵᠢᠯ ᠲᠣᠭᠲᠠᠭᠠᠵᠤ ᠪᠣᠯᠬᠤ ᠦᠭᠡᠢ᠃      ᠬᠤᠶᠠᠳᠤᠭᠠᠷ ᠪᠦᠯᠦᠭ ᠲᠣᠭᠲᠠᠭᠠᠬᠤ ᠵᠦᠢᠯ      ᠶᠢᠰᠦᠳᠦᠭᠡᠷ ᠵᠦᠢᠯ ᠥᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ ᠠᠴᠠ ᠣᠷᠤᠨ ᠨᠤᠲᠤᠭ ᠤᠨ ᠴᠢᠨᠠᠷᠲᠠᠢ ᠬᠠᠤᠯᠢ ᠲᠤᠭᠲᠠᠭᠠᠯ ᠤᠨ ᠬᠠᠤᠯᠢ ᠲᠤᠨᠨᠳᠠᠭᠠᠯᠳᠠ ᠶᠢᠨ ᠲᠦᠯᠦᠪᠵᠢᠭᠦᠯᠭᠡ ᠪᠤᠯᠤᠨ ᠬᠠᠤᠯᠢ ᠲᠤᠨᠨᠳᠠᠭᠠᠯᠳᠠ ᠶᠢᠨ ᠣᠨ ᠤ ᠲᠦᠯᠦᠪᠯᠡᠭᠡ ᠶᠢᠨ ᠰᠠᠨᠠᠭᠤᠯᠭ᠎ᠠ ᠶᠢ ᠳᠤᠷᠠᠳᠴᠦ᠂ ᠵᠠᠰᠠᠭ ᠤᠨ ᠣᠷᠳᠤᠨ ᠤ ᠲᠤᠭᠲᠠᠭᠠᠯ ᠳᠥᠷᠢᠮ ᠤᠨ ᠬᠠᠤᠯᠢ ᠲᠤᠨᠨᠳᠠᠭᠠᠯᠳᠠ ᠶᠢᠨ ᠣᠨ ᠤ ᠲᠦᠯᠦᠪᠯᠡᠭᠡ ᠶᠢ ᠲᠤᠨᠨᠳᠠᠭᠠᠬᠤ ᠳᠤ ᠪᠠᠨ᠂ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠱᠠᠭᠠᠷᠳᠠᠯᠭ᠎ᠠ ᠶᠢ ᠦᠨᠳᠦᠰᠦᠯᠡᠵᠦ᠂ ᠨᠢᠭᠡᠳᠦᠯᠲᠡᠢ ᠲᠦᠯᠦᠪᠯᠡᠵᠦ ᠨᠡᠶᠢᠲᠡ ᠳᠤ ᠨᠢ ᠬᠠᠷᠠᠭᠠᠯᠵᠠᠨ᠂ ᠭᠤᠣᠯᠳᠠᠯᠭ᠎ᠠ ᠪᠠᠨ ᠳᠣᠪᠤᠶᠢᠯᠭᠠᠵᠣ᠂ ᠲᠣᠭᠲᠠᠭᠠᠬᠤ᠂ ᠵᠠᠰᠠᠪᠤᠷᠢ ᠣᠷᠤᠭᠤᠯᠬᠤ᠂ ᠬᠦᠴᠦᠨ ᠦᠭᠡᠢ ᠪᠣᠯᠭᠠᠬᠤ ᠪᠠ ᠲᠠᠶᠢᠯᠪᠤᠷᠢ ᠬᠢᠬᠦ ᠶᠢ ᠵᠡᠷᠭᠡ ᠳᠤ ᠨᠢ ᠬᠢᠬᠦ ᠬᠡᠷᠡᠭᠲᠡᠢ᠃ ᠵᠠᠰᠠᠭ ᠤᠨ ᠣᠷᠳᠤᠨ ᠤ ᠲᠤᠭᠲᠠᠭᠠᠯ ᠳᠥᠷᠢᠮ ᠤᠨ ᠬᠠᠤᠯᠢ ᠲᠤᠨᠨᠳᠠᠭᠠᠯᠳᠠ ᠶᠢᠨ ᠣᠨ ᠤ ᠲᠦᠯᠦᠪᠯᠡᠭᠡ ᠨᠢ ᠤᠷᠤᠨ ᠨᠤᠲᠤᠭ ᠤᠨ ᠴᠢᠨᠠᠷᠲᠠᠢ ᠬᠠᠤᠯᠢ ᠲᠤᠭᠲᠠᠭᠠᠯ ᠤᠨ ᠬᠠᠤᠯᠢ ᠲᠤᠨᠨᠳᠠᠭᠠᠯᠳᠠ ᠶᠢᠨ ᠣᠨ ᠤ ᠲᠦᠯᠦᠪᠯᠡᠭᠡ ᠲᠠᠢ ᠬᠠᠷᠢᠯᠴᠠᠨ ᠵᠣᠯᠭᠠᠯᠳᠤᠭᠰᠠᠨ ᠪᠠᠶᠢᠬᠤ ᠬᠡᠷᠡᠭᠲᠡᠢ᠃      ᠠᠷᠪᠠᠳᠤᠭᠠᠷ ᠵᠦᠢᠯ

        365赢多少钱会被限额_国内有真正的365平台吗_365bet博彩官网

         ᠥᠪᠡᠷᠲᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠤᠷᠳᠤᠨ ᠨᠢ ᠤᠷᠤᠨ ᠨᠤᠲᠤᠭ ᠤᠨ ᠴᠢᠨᠠᠷᠲᠠᠢ ᠬᠠᠤᠯᠢ ᠲᠤᠭᠲᠠᠭᠠᠯ᠂
        ᠵᠠᠰᠠᠭ ᠤᠨ ᠣᠷᠳᠤᠨ ᠤ ᠲᠤᠭᠲᠠᠭᠠᠯ ᠲᠦᠷᠢᠮ ᠤᠨ ᠬᠠᠤᠯᠢ ᠲᠤᠨᠨᠳᠠᠭᠠᠯᠳᠠ ᠶᠢᠨ ᠣᠨ ᠤ ᠲᠦᠯᠦᠪᠯᠡᠭᠡ ᠶᠢᠨ ᠵᠦᠢᠯᠡᠰ ᠤᠨ ᠰᠠᠨᠠᠭᠤᠯᠭ᠎ᠠ ᠶᠢ ᠨᠡᠶᠢᠭᠡᠮ ᠨᠡᠶᠢᠲᠡ ᠠᠴᠠ ᠢᠯᠡ ᠪᠠᠷ ᠬᠤᠷᠢᠶᠠᠵᠤ ᠪᠣᠯᠤᠨ᠎ᠠ᠃ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠵᠢᠯ ᠪᠦᠷᠢ ᠶᠢᠨ ᠳᠤᠤᠷ᠎ᠠ ᠬᠠᠭᠠᠰ ᠵᠢᠯ ᠳᠤ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠤ ᠰᠠᠯᠠᠭ᠎ᠠ ᠮᠦᠴᠢᠷ᠂ ᠠᠶᠢᠮᠠᠭ ᠤᠨ ᠵᠠᠬᠢᠷᠭ᠎ᠠ ᠪᠣᠯᠤᠨ ᠲᠤᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠬᠤᠯᠪᠤᠭᠳᠠᠯ ᠪᠦᠬᠦᠢ ᠵᠣᠬᠢᠶᠠᠨ ᠪᠠᠶᠢᠭᠤᠯᠤᠯᠲᠠ ᠠᠴᠠ ᠳᠠᠷᠠᠭᠠᠬᠢ ᠣᠨ ᠤ ᠬᠠᠤᠯᠢ ᠲᠤᠨᠨᠳᠠᠭᠠᠯᠳᠠ ᠶᠢᠨ ᠲᠦᠯᠦᠪᠯᠡᠭᠡ ᠶᠢᠨ ᠵᠦᠢᠯᠡᠰ ᠤᠨ ᠰᠠᠨᠠᠭᠤᠯᠭ᠎ᠠ ᠶᠢ ᠬᠤᠷᠢᠶᠠᠬᠤ ᠬᠡᠷᠡᠭᠲᠡᠢ᠂ ᠪᠠᠰᠠ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠤ ᠫᠤᠷᠲ᠋ᠧᠯ ᠰᠦᠯᠵᠢᠶ᠎ᠡ᠂ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠫᠤᠷᠲ᠋ᠧᠯ ᠰᠦᠯᠵᠢᠶ᠎ᠡ ᠪᠤᠶᠤ ᠪᠤᠰᠤᠳ ᠠᠷᠭ᠎ᠠ ᠬᠡᠯᠪᠡᠷᠢ ᠪᠠᠷ ᠳᠠᠮᠵᠢᠨ ᠬᠠᠤᠯᠢ ᠲᠣᠭᠲᠠᠭᠠᠯᠲᠠ ᠶᠢᠨ ᠲᠦᠯᠦᠪᠯᠡᠭᠡ ᠶᠢᠨ ᠵᠦᠢᠯᠡᠰ ᠤᠨ ᠰᠠᠨᠠᠭᠤᠯᠭ᠎ᠠ ᠶᠢ ᠨᠡᠶᠢᠭᠡᠮ ᠨᠡᠶᠢᠲᠡ ᠠᠴᠠ ᠢᠯᠡ ᠪᠠᠷ ᠬᠤᠷᠢᠶ᠋ᠬᠠᠰᠠᠨ ᠴᠤ ᠪᠤᠯᠤᠨ᠎ᠠ᠃      ᠠᠷᠪᠠᠨ ᠨᠢᠭᠡᠳᠦᠭᠡᠷ ᠵᠦᠢᠯ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠤ ᠰᠠᠯᠠᠭ᠎ᠠ ᠮᠦᠴᠢᠷ᠂ ᠠᠶᠢᠮᠠᠭ ᠤᠨ ᠵᠠᠬᠢᠷᠭ᠎ᠠ ᠪᠤᠯᠤᠨ ᠲᠤᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠠᠴᠠ ᠤᠷᠤᠨ ᠨᠤᠲᠤᠭ ᠤᠨ ᠴᠢᠨᠠᠷᠲᠠᠢ ᠬᠠᠤᠯᠢ ᠲᠤᠭᠲᠠᠭᠠᠯ ᠪᠤᠶᠤ ᠵᠠᠰᠠᠭ ᠤᠨ ᠣᠷᠳᠤᠨ ᠤ ᠲᠤᠭᠲᠠᠭᠠᠯ ᠳᠥᠷᠢᠮ ᠢ ᠲᠤᠭᠲᠠᠭᠠᠬᠤ ᠴᠢᠬᠤᠯᠠ ᠲᠠᠢ ᠭᠡᠵᠦ ᠦᠵᠡᠭᠰᠡᠨ ᠪᠠᠶᠢᠪᠠᠯ᠂ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠳᠤ ᠲᠣᠭᠲᠠᠭᠠᠯᠭᠠᠬᠤ ᠪᠠᠷ ᠭᠤᠶᠤᠴᠢᠯᠠᠬᠤ ᠬᠡᠷᠡᠭᠲᠡᠢ᠃      ᠠᠷᠪᠠᠨ ᠬᠤᠶᠠᠳᠤᠭᠠᠷ ᠵᠦᠢᠯ ᠤᠷᠤᠨ ᠨᠤᠲᠤᠭ ᠤᠨ ᠴᠢᠨᠠᠷᠲᠠᠢ ᠬᠠᠤᠯᠢ ᠲᠤᠭᠲᠠᠭᠠᠯ᠂ ᠵᠠᠰᠠᠭ ᠤᠨ ᠣᠷᠳᠤᠨ ᠤ ᠲᠤᠭᠲᠠᠭᠠᠯ ᠳᠥᠷᠢᠮ ᠢ ᠲᠤᠭᠲᠠᠭᠠᠬᠤ ᠵᠦᠢᠯ ᠢᠶᠠᠷ ᠮᠡᠳᠡᠭᠦᠯᠦᠨ ᠭᠤᠶᠤᠴᠢᠯᠠᠬᠤ ᠳᠤ᠂ ᠳᠤᠤᠷᠠᠬᠢ ᠮᠡᠲᠦ ᠪᠢᠴᠢᠭᠯᠡᠭᠰᠡᠨ ᠮᠠᠲ᠋ᠧᠷᠢᠶᠠᠯ ᠵᠢᠴᠢ ᠡᠯᠧᠺᠲᠷᠤᠨ ᠪᠢᠴᠢᠭᠯᠡᠭᠰᠡᠨ ᠮᠠᠲ᠋ᠧᠷᠢᠶᠠᠯ ᠤᠳ ᠢ ᠮᠡᠳᠡᠭᠦᠯᠦᠨ ᠬᠦᠷᠭᠡᠬᠦ ᠬᠡᠷᠡᠭᠲᠡᠢ᠄      ︵ᠨᠢᠭᠡ︶ ᠤᠷᠤᠨ ᠨᠤᠲᠤᠭ ᠤᠨ ᠴᠢᠨᠠᠷᠲᠠᠢ ᠬᠠᠤᠯᠢ ᠲᠤᠭᠲᠠᠭᠠᠯ ᠤᠨ ᠲᠦᠰᠦᠯ᠂ ᠵᠠᠰᠠᠭ ᠤᠨ ᠣᠷᠳᠤᠨ ᠤ ᠲᠤᠭᠲᠠᠭᠠᠯ ᠳᠥᠷᠢᠮ ᠤᠨ ᠲᠦᠰᠦᠯ ᠪᠣᠯᠤᠨ ᠲᠤᠭᠤᠷᠪᠢᠬᠤ ᠲᠣᠳᠤᠷᠬᠠᠶᠢᠯᠠᠯᠲᠠ︔      ︵ᠬᠤᠶᠠᠷ︶ ᠬᠠᠤᠯᠢ ᠴᠠᠭᠠᠵᠠ᠂ ᠬᠠᠤᠯᠢ ᠲᠤᠭᠲᠠᠭᠠᠯ ᠤᠨ ᠦᠨᠳᠦᠰᠦᠯᠡᠯ ᠵᠢᠴᠢ ᠬᠠᠤᠯᠢ ᠲᠣᠭᠲᠠᠭᠠᠯᠲᠠ ᠶᠢᠨ ᠬᠤᠯᠪᠤᠭᠳᠠᠯ ᠪᠦᠬᠦᠢ ᠮᠠᠲ᠋ᠧᠷᠢᠶᠠᠯ︔      ︵ᠭᠤᠷᠪᠠ︶ ᠬᠤᠷᠢᠶᠠᠭᠰᠠᠨ ᠰᠠᠨᠠᠯ ᠢᠶᠠᠨ ᠡᠮᠬᠢᠳᠭᠡᠭᠰᠡᠨ ᠮᠠᠲ᠋ᠧᠷᠢᠶᠠᠯ︔      ︵ᠳᠥᠷᠪᠡ︶ ᠬᠢᠨᠠᠨ ᠵᠦᠪᠯᠡᠭᠦᠯᠬᠦ ᠰᠠᠨᠠᠭᠤᠯᠭ᠎ᠠ ᠶᠢᠨ ᠴᠠᠭ ᠬᠤᠭᠤᠴᠠᠭ᠎ᠠ᠃      ᠲᠤᠭᠤᠷᠪᠢᠬᠤ ᠲᠣᠳᠤᠷᠬᠠᠶᠢᠯᠠᠯᠲᠠ ᠨᠢ ᠬᠠᠤᠯᠢ ᠲᠣᠭᠲᠠᠭᠠᠯᠲᠠ ᠶᠢᠨ ᠴᠢᠬᠤᠯᠠ ᠴᠢᠨᠠᠷ ᠪᠣᠯᠤᠨ ᠬᠡᠷᠡᠭᠵᠢᠭᠦᠯᠦᠭᠦᠰᠢᠲᠡᠢ ᠴᠢᠨᠠᠷ᠂ ᠲᠤᠭᠤᠷᠪᠢᠬᠤ ᠶᠠᠪᠤᠴᠠ᠂ ᠰᠢᠢᠳᠪᠦᠷᠢᠯᠡᠬᠦ ᠪᠠᠷ ᠪᠠᠶᠢᠭ᠎ᠠ ᠭᠤᠣᠯ ᠠᠰᠠᠭᠤᠳᠠᠯ᠂ ᠲᠤᠭᠲᠠᠭᠠᠭᠰᠠᠨ ᠭᠤᠣᠯ ᠠᠷᠭ᠎ᠠ ᠬᠡᠮᠵᠢᠶ᠎ᠡ ᠵᠢᠴᠢ ᠭᠤᠣᠯ ᠪᠣᠯᠬᠤ ᠵᠦᠷᠢᠯᠳᠦᠭᠡᠨ ᠲᠠᠢ ᠰᠠᠨᠠᠯ ᠢ ᠵᠣᠬᠢᠴᠠᠭᠤᠯᠵᠤ ᠰᠢᠢᠳᠪᠦᠷᠢᠯᠡᠭᠰᠡᠨ ᠪᠠᠶᠢᠳᠠᠯ ᠢ ᠪᠠᠭᠲᠠᠭᠠᠬᠤ ᠬᠡᠷᠡᠭᠲᠡᠢ᠃      ᠨᠤᠲᠠᠯᠠᠬᠤ ᠬᠤᠷᠠᠯ ᠪᠣᠯᠤᠨ ᠭᠡᠷᠡᠴᠢᠯᠡᠭᠡ ᠰᠣᠨᠣᠰᠬᠤ ᠬᠤᠷᠠᠯ ᠬᠢᠬᠦ ᠳᠤ ᠪᠠᠨ᠂ ᠨᠤᠲᠠᠯᠠᠬᠤ ᠬᠤᠷᠠᠯ ᠪᠣᠯᠤᠨ ᠭᠡᠷᠡᠴᠢᠯᠡᠭᠡ ᠰᠣᠨᠣᠰᠬᠤ ᠬᠤᠷᠠᠯ ᠤᠨ ᠮᠡᠳᠡᠭᠦᠯᠦᠯᠲᠡ ᠪᠠᠨ ᠪᠠᠰᠠ ᠮᠡᠳᠡᠭᠦᠯᠦᠨ ᠬᠦᠷᠭᠡᠬᠦ ᠬᠡᠷᠡᠭᠲᠡᠢ᠃      ᠠᠷᠪᠠᠨ ᠭᠤᠷᠪᠠᠳᠤᠭᠠᠷ ᠵᠦᠢᠯ ᠣᠷᠤᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠬᠠᠤᠯᠢ ᠲᠤᠨᠨᠳᠠᠭᠠᠯᠳᠠ ᠶᠢᠨ ᠲᠦᠯᠦᠪᠯᠡᠭᠡ ᠶᠢᠨ ᠰᠠᠨᠠᠭᠤᠯᠭ᠎ᠠ ᠪᠤᠯᠤᠨ ᠬᠠᠤᠯᠢ ᠲᠤᠨᠨᠳᠠᠭᠠᠯᠳᠠ ᠶᠢᠨ ᠣᠨ ᠤ ᠲᠦᠯᠦᠪᠯᠡᠭᠡ ᠶᠢᠨ ᠰᠠᠨᠠᠭᠤᠯᠭ᠎ᠠ ᠶᠢ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠲᠣᠭᠤᠷᠪᠢᠨ ᠲᠤᠭᠲᠠᠭᠠᠵᠤ᠂ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠢᠶᠠᠷ ᠬᠢᠨᠠᠨ ᠲᠣᠭᠲᠠᠭᠠᠯᠭᠠᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠮᠡᠳᠡᠭᠦᠯᠦᠨ ᠬᠦᠷᠭᠡᠬᠦ ᠬᠡᠷᠡᠭᠲᠡᠢ᠃      ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠭ᠎ᠠ ᠮᠦᠴᠢᠷ ᠨᠢ ᠵᠠᠰᠠᠭ ᠤᠨ ᠣᠷᠳᠤᠨ ᠤ ᠲᠤᠭᠲᠠᠭᠠᠯ ᠳᠥᠷᠢᠮ ᠲᠤᠨᠨᠳᠠᠭᠠᠬᠤ ᠶᠢᠨ ᠲᠣᠭᠲᠠᠭᠠᠬᠤ ᠵᠦᠢᠯ ᠢ ᠭᠤᠶᠤᠴᠢᠯᠠᠬᠤ ᠪᠠ ᠢᠯᠡ ᠪᠠᠷ ᠡᠯᠰᠡᠨ ᠴᠤᠭᠯᠠᠭᠤᠯᠤᠭᠰᠠᠨ ᠵᠠᠰᠠᠭ ᠤᠨ ᠣᠷᠳᠤᠨ ᠤ ᠲᠣᠭᠲᠠᠭᠠᠯ ᠳᠥᠷᠢᠮ ᠤᠨ ᠬᠠᠤᠯᠢ ᠲᠣᠭᠲᠠᠭᠠᠯᠲᠠ ᠶᠢᠨ ᠲᠦᠯᠦᠪᠯᠡᠭᠡ ᠶᠢᠨ ᠲᠦᠷᠦᠯ ᠵᠦᠢᠯ ᠤᠨ ᠰᠠᠨᠠᠭᠤᠯᠭ᠎ᠠ ᠳᠤ ᠦᠨᠡᠯᠡᠨ ᠵᠢᠱᠢᠯᠲᠡ ᠪᠣᠯᠤᠨ ᠨᠤᠲᠠᠯᠠᠯᠲᠠ ᠬᠢᠵᠦ᠂ ᠵᠠᠰᠠᠭ ᠤᠨ ᠣᠷᠳᠤᠨ ᠤ ᠲᠣᠭᠲᠠᠭᠠᠯ ᠳᠥᠷᠢᠮ ᠤᠨ ᠬᠠᠤᠯᠢ ᠲᠣᠭᠲᠠᠭᠠᠯᠲᠠ ᠶᠢᠨ ᠣᠨ ᠤ ᠲᠦᠯᠦᠪᠯᠡᠭᠡ ᠶᠢ ᠲᠣᠭᠤᠷᠪᠢᠨ ᠲᠣᠭᠲᠠᠭᠠᠵᠣ᠂ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠵᠦ ᠵᠦᠪᠰᠢᠶᠡᠷᠡᠭᠦᠯᠦᠭᠰᠡᠨ ᠤ ᠳᠠᠷᠠᠭ᠎ᠠ ᠨᠡᠶᠢᠭᠡᠮ ᠨᠡᠶᠢᠲᠡ ᠳᠤ ᠢᠯᠡ ᠪᠠᠷ ᠨᠡᠶᠢᠲᠡᠯᠡᠬᠦ ᠬᠡᠷᠡᠭᠲᠡᠢ᠃      ᠠᠷᠪᠠᠨ ᠳᠥᠷᠪᠡᠳᠦᠭᠡᠷ ᠵᠦᠢᠯ

        365赢多少钱会被限额_国内有真正的365平台吗_365bet博彩官网

        ᠤᠷᠤᠨ ᠨᠤᠲᠤᠭ ᠤᠨ ᠴᠢᠨᠠᠷᠲᠠᠢ ᠬᠠᠤᠯᠢ ᠲᠤᠭᠲᠠᠭᠠᠯ ᠪᠤᠯᠤᠨ ᠵᠠᠰᠠᠭ ᠤᠨ ᠣᠷᠳᠤᠨ ᠤ ᠲᠤᠭᠲᠠᠭᠠᠯ ᠳᠥᠷᠢᠮ ᠤᠨ ᠬᠠᠤᠯᠢ
        ᠲᠣᠭᠲᠠᠭᠠᠯᠲᠠ ᠶᠢᠨ ᠣᠨ ᠤ ᠲᠦᠯᠦᠪᠯᠡᠭᠡ ᠶᠢ ᠬᠡᠷᠡᠭᠵᠢᠭᠦᠯᠬᠦ ᠳᠤᠮᠳᠠ᠂ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠪᠤᠳᠠᠳᠤ ᠪᠠᠶᠢᠳᠠᠯ ᠢᠶᠠᠨ ᠦᠨᠳᠦᠰᠦᠯᠡᠨ᠂ ᠬᠠᠤᠯᠢ ᠲᠤᠭᠲᠠᠭᠠᠯᠲᠠ ᠶᠢᠨ ᠣᠨ ᠤ ᠲᠦᠯᠦᠪᠯᠡᠭᠡ ᠳᠤ ᠲᠤᠬᠢᠷᠠᠭᠤᠯᠤᠯᠲᠠ ᠬᠢᠬᠦ ᠰᠠᠨᠠᠭᠤᠯᠭ᠎ᠠ ᠶᠢ ᠳᠤᠷᠠᠳᠴᠦ ᠪᠤᠯᠤᠨ᠎ᠠ᠃      ᠭᠤᠷᠪᠠᠳᠤᠭᠠᠷ ᠪᠦᠯᠦᠭ ᠲᠤᠭᠤᠷᠪᠢᠬᠤ      ᠠᠷᠪᠠᠨ ᠲᠠᠪᠤᠳᠤᠭᠠᠷ ᠵᠦᠢᠯ ᠤᠷᠤᠨ ᠨᠤᠲᠤᠭ ᠤᠨ ᠴᠢᠨᠠᠷᠲᠠᠢ ᠬᠠᠤᠯᠢ ᠲᠤᠭᠲᠠᠭᠠᠯ ᠪᠤᠯᠤᠨ ᠵᠠᠰᠠᠭ ᠤᠨ ᠣᠷᠳᠤᠨ ᠤ ᠲᠤᠭᠲᠠᠭᠠᠯ ᠳᠥᠷᠢᠮ ᠢ ᠲᠤᠭᠲᠠᠭᠠᠬᠤ ᠵᠦᠢᠯ ᠢᠶᠠᠷ ᠭᠤᠶᠤᠴᠢᠯᠠᠭᠰᠠᠨ ᠰᠠᠯᠠᠭ᠎ᠠ ᠮᠦᠴᠢᠷ ᠪᠤᠶᠤ ᠨᠢᠭᠡᠴᠢ ᠠᠴᠠ ᠲᠤᠭᠤᠷᠪᠢᠨ᠎ᠠ᠃ ᠬᠤᠶᠠᠷ ᠠᠴᠠ ᠳᠡᠭᠡᠭᠰᠢᠬᠢ ᠰᠠᠯᠠᠭ᠎ᠠ ᠮᠦᠴᠢᠷ ᠤᠨ ᠡᠷᠬᠡ ᠲᠤᠰᠢᠶᠠᠯ ᠲᠠᠢ ᠬᠤᠯᠪᠤᠭᠳᠠᠭᠰᠠᠨ ᠪᠠᠶᠢᠪᠠᠯ᠂ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠠᠴᠠ ᠨᠢᠭᠡ ᠰᠠᠯᠠᠭ᠎ᠠ ᠮᠦᠴᠢᠷ ᠪᠤᠶᠤ ᠬᠡᠳᠦᠨ ᠰᠠᠯᠠᠭ᠎ᠠ ᠮᠦᠴᠢᠷ ᠢ ᠲᠣᠭᠲᠠᠭᠠᠵᠤ ᠲᠤᠭᠤᠷᠪᠢᠬᠤ ᠠᠵᠢᠯ ᠢ ᠬᠠᠮᠲᠤ ᠪᠠᠷ ᠬᠠᠷᠢᠭᠤᠴᠠᠭᠤᠯᠤᠨ᠎ᠠ︔ ᠴᠢᠬᠤᠯᠠ ᠪᠦᠬᠦᠢ ᠵᠠᠰᠠᠭ ᠵᠠᠬᠢᠷᠭᠠᠨ ᠤ ᠬᠠᠮᠢᠶᠠᠷᠤᠯᠲᠠ ᠪᠤᠶᠤ ᠶᠡᠷᠦᠩᠬᠡᠶᠢᠯᠡᠭᠰᠡᠨ ᠴᠢᠨᠠᠷ ᠢᠶᠠᠷ ᠨᠡᠯᠢᠶᠡᠳ ᠴᠢᠩᠭ᠎ᠠ ᠵᠦᠢᠯᠡᠰ ᠲᠤ ᠬᠤᠯᠪᠤᠭᠳᠠᠭᠰᠠᠨ ᠪᠣᠯ᠂ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠣᠬᠢᠶᠠᠨ ᠪᠠᠶᠢᠭᠤᠯᠵᠤ ᠲᠤᠭᠤᠷᠪᠢᠵᠤ ᠪᠤᠯᠤᠨ᠎ᠠ᠃      ᠠᠶᠢᠮᠠᠭ ᠤᠨ ᠵᠠᠬᠢᠷᠭ᠎ᠠ ᠠᠴᠠ ᠲᠤᠭᠲᠠᠭᠠᠬᠤ ᠵᠦᠢᠯ ᠢᠶᠠᠷ ᠭᠤᠶᠤᠴᠢᠯᠠᠭᠰᠠᠨ ᠪᠣᠯ᠂ ᠠᠶᠢᠮᠠᠭ ᠤᠨ ᠵᠠᠬᠢᠷᠭ᠎ᠠ ᠠᠴᠠ ᠵᠣᠬᠢᠶᠠᠨ ᠪᠠᠶᠢᠭᠤᠯᠵᠤ ᠲᠣᠭᠤᠷᠪᠢᠬᠤ ᠬᠡᠷᠡᠭᠲᠡᠢ᠃      ᠲᠤᠰᠬᠠᠢ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠪᠣᠯᠬᠤ ᠤᠷᠤᠨ ᠨᠤᠲᠤᠭ ᠤᠨ ᠴᠢᠨᠠᠷᠲᠠᠢ ᠬᠠᠤᠯᠢ ᠲᠤᠭᠲᠠᠭᠠᠯ ᠪᠣᠯᠤᠨ ᠵᠠᠰᠠᠭ ᠤᠨ ᠣᠷᠳᠤᠨ ᠤ ᠲᠤᠭᠲᠠᠭᠠᠯ ᠳᠥᠷᠢᠮ ᠢ ᠲᠤᠭᠤᠷᠪᠢᠬᠤ ᠳᠤ᠂ ᠬᠠᠮᠢᠶ᠎ᠠ ᠪᠦᠬᠦᠢ ᠬᠦᠷᠢᠶ᠎ᠡ ᠴᠠᠷᠠᠭᠠᠨ ᠳᠠᠬᠢ ᠳᠤᠰᠬᠠᠢ ᠮᠡᠷᠭᠡᠵᠢᠯᠲᠡᠨ ᠢ ᠲᠤᠭᠤᠷᠪᠢᠬᠤ ᠠᠵᠢᠯ ᠳᠤ ᠤᠷᠤᠯᠴᠠᠭᠤᠯᠬᠤ ᠪᠤᠶᠤ ᠬᠤᠯᠪᠤᠭᠳᠠᠯ ᠪᠦᠬᠦᠢ ᠲᠤᠰᠬᠠᠢ ᠮᠡᠷᠭᠡᠵᠢᠯᠲᠡᠨ᠂ ᠵᠢᠭᠠᠨ ᠰᠤᠷᠭᠠᠬᠤ ᠪᠠ ᠰᠢᠨᠵᠢᠯᠡᠬᠦ ᠤᠬᠠᠭᠠᠨ ᠤ ᠰᠤᠳᠤᠯᠤᠯ ᠤᠨ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠨᠠᠶᠢᠳᠠᠵᠤ ᠲᠤᠭᠤᠷᠪᠢᠭᠤᠯᠵᠤ ᠪᠤᠯᠤᠨ᠎ᠠ᠃      ᠠᠷᠪᠠᠨ ᠵᠢᠷᠭᠤᠳᠤᠭᠠᠷ ᠵᠦᠢᠯ ᠤᠷᠤᠨ ᠨᠤᠲᠤᠭ ᠤᠨ ᠴᠢᠨᠠᠷᠲᠠᠢ ᠬᠠᠤᠯᠢ ᠲᠤᠭᠲᠠᠭᠠᠯ ᠪᠤᠯᠤᠨ ᠵᠠᠰᠠᠭ ᠤᠨ ᠣᠷᠳᠤᠨ ᠤ ᠲᠤᠭᠲᠠᠭᠠᠯ ᠳᠥᠷᠢᠮ ᠢ ᠲᠤᠭᠤᠷᠪᠢᠬᠤ ᠳᠤ ᠂ ᠬᠠᠤᠯᠢ ᠶᠤᠰᠤᠭᠠᠷ ᠨᠢᠭᠤᠴᠠ ᠶᠢ ᠬᠠᠮᠠᠭᠠᠯᠠᠬᠤ ᠠᠴᠠ ᠭᠠᠳᠠᠨ᠎ᠠ᠂ ᠲᠦᠰᠦᠯ ᠵᠢᠴᠢ ᠲᠦᠰᠦᠯ ᠤᠨ ᠲᠣᠳᠤᠷᠬᠠᠶᠢᠯᠠᠯᠲᠠ ᠶᠢ ᠨᠡᠶᠢᠭᠡᠮ ᠨᠡᠶᠢᠲᠡ ᠳᠤ ᠢᠯᠡ ᠪᠠᠷ ᠨᠡᠶᠢᠲᠡᠯᠡᠵᠦ ᠂ ᠰᠠᠨᠠᠯ ᠬᠤᠷᠢᠶᠠᠬᠤ ᠬᠡᠷᠡᠭᠲᠡᠢ᠃ ᠨᠡᠶᠢᠭᠡᠮ ᠨᠡᠶᠢᠲᠡ ᠳᠤ ᠢᠯᠡ ᠪᠠᠷ ᠨᠡᠶᠢᠲᠡᠯᠡᠵᠦ ᠰᠠᠨᠠᠯ ᠬᠤᠷᠢᠶᠠᠬᠤ ᠬᠤᠭᠤᠴᠠᠭ᠎ᠠ ᠬᠢᠵᠠᠭᠠᠷ ᠨᠢ ᠡᠩ ᠤᠨ ᠪᠠᠶᠢᠳᠠᠯ ᠳᠤ ᠭᠤᠴᠢᠨ ᠡᠳᠦᠷ ᠠᠴᠠ ᠤᠬᠤᠷ ᠪᠠᠶᠢᠯᠭᠠᠵᠦ ᠪᠤᠯᠬᠤ ᠦᠭᠡᠢ᠃      ᠠᠷᠪᠠᠨ ᠳᠤᠯᠤᠳᠤᠭᠠᠷ ᠵᠦᠢᠯ ᠤᠷᠤᠨ ᠨᠤᠲᠤᠭ ᠤᠨ ᠴᠢᠨᠠᠷᠲᠠᠢ ᠬᠠᠤᠯᠢ ᠲᠤᠭᠲᠠᠭᠠᠯ ᠪᠤᠯᠤᠨ ᠵᠠᠰᠠᠭ ᠤᠨ ᠣᠷᠳᠤᠨ ᠤ ᠲᠤᠭᠲᠠᠭᠠᠯ ᠳᠥᠷᠢᠮ ᠢ ᠲᠤᠭᠤᠷᠪᠢᠬᠤ ᠳᠤ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠤ ᠪᠤᠰᠤᠳ ᠪᠠᠶᠢᠭᠤᠯᠤᠮᠵᠢ ᠪᠤᠶᠤ ᠰᠠᠯᠠᠭ᠎ᠠ ᠮᠦᠴᠢᠷ ᠤᠨ ᠡᠭᠦᠷᠭᠡ ᠬᠠᠷᠢᠭᠤᠴᠠᠯᠭ᠎ᠠ ᠳᠤ ᠬᠤᠯᠪᠤᠭᠳᠠᠭᠰᠠᠨ ᠪᠣᠯ᠂ ᠲᠤᠭᠤᠷᠪᠢᠬᠤ ᠨᠢᠭᠡᠴᠢ ᠨᠢ ᠬᠠᠮᠢᠶ᠎ᠠ ᠪᠦᠬᠦᠢ ᠪᠠᠶᠢᠭᠤᠯᠤᠮᠵᠢ ᠪᠤᠶᠤ ᠰᠠᠯᠠᠭ᠎ᠠ ᠮᠦᠴᠢᠷ ᠤᠨ ᠰᠠᠨᠠᠯ ᠢ ᠭᠦᠢᠴᠡᠳ ᠬᠤᠷᠢᠶᠠᠭᠰᠠᠨ ᠪᠠᠶᠢᠬᠤ ᠬᠡᠷᠡᠭᠲᠡᠢ      ᠠᠷᠪᠠᠨ ᠨᠠᠢᠮᠠᠳᠤᠭᠠᠷ ᠵᠦᠢᠯ ᠤᠷᠤᠨ ᠨᠤᠲᠤᠭ ᠤᠨ ᠴᠢᠨᠠᠷᠲᠠᠢ ᠬᠠᠤᠯᠢ ᠲᠤᠭᠲᠠᠭᠠᠯ ᠪᠤᠯᠤᠨ ᠵᠠᠰᠠᠭ ᠤᠨ ᠣᠷᠳᠤᠨ ᠤ ᠲᠤᠭᠲᠠᠭᠠᠯ ᠳᠥᠷᠢᠮ ᠢ ᠲᠤᠭᠤᠷᠪᠢᠬᠤ ᠳᠤ ᠨᠡᠶᠢᠭᠡᠮ ᠨᠡᠶᠢᠲᠡ ᠶᠢᠨ ᠨᠡᠶᠢᠳᠡᠮ ᠠᠩᠬᠠᠷᠴᠦ ᠪᠠᠶᠢᠭ᠎ᠠ ᠬᠠᠯᠠᠮᠰᠢᠯ ᠠᠰᠠᠭᠤᠳᠠᠯ ᠪᠠ ᠬᠦᠴᠢᠷᠲᠡᠢ ᠠᠰᠠᠭᠤᠳᠠᠯ ᠪᠤᠯᠤᠨ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠶᠠᠪᠤᠴᠠ ᠳᠤ ᠳᠤᠪᠤᠶᠢᠮ᠎ᠠ ᠵᠦᠷᠢᠴᠡᠯ ᠳᠣᠬᠢᠶᠠᠯᠳᠤᠬᠤ᠂ ᠡᠷᠬᠡᠳᠦ ᠠᠷᠠᠳ᠂ ᠬᠠᠤᠯᠢ ᠶᠢᠨ ᠡᠷᠬᠡᠲᠡᠨ ᠪᠤᠯᠤᠨ ᠪᠤᠰᠤᠳ ᠵᠣᠬᠢᠶᠠᠨ ᠪᠠᠶᠢᠭᠤᠯᠤᠯᠲᠠ ᠶᠢᠨ ᠡᠷᠬᠡ ᠠᠰᠢᠭ ᠢ ᠨᠢ ᠬᠠᠰᠤᠵᠤ ᠬᠤᠬᠢᠷᠠᠭᠤᠯᠬᠤ ᠪᠤᠶᠤ ᠡᠭᠦᠷᠭᠡ ᠶᠢ ᠨᠢ ᠨᠡᠮᠡᠭᠳᠡᠭᠦᠯᠬᠦ᠂ ᠨᠡᠶᠢᠭᠡᠮ ᠨᠡᠶᠢᠲᠡ ᠳᠤ ᠴᠢᠬᠤᠯᠠ ᠨᠦᠯᠦᠭᠡ ᠦᠵᠡᠭᠦᠯᠦᠭᠰᠡᠨ ᠵᠡᠷᠭᠡ ᠴᠢᠬᠤᠯᠠ ᠶᠡᠭᠡ ᠠᠰᠢᠭ ᠲᠤᠰᠠ ᠶᠢ ᠲᠣᠬᠢᠷᠠᠭᠤᠯᠬᠤ ᠵᠦᠢᠯᠡᠰ ᠲᠤ ᠬᠤᠯᠪᠤᠭᠳᠠᠭᠰᠠᠨ ᠪᠠᠶᠢᠪᠠᠯ᠂ ᠲᠤᠭᠤᠷᠪᠢᠬᠤ ᠨᠢᠭᠡᠴᠢ ᠨᠢ ᠨᠤᠲᠠᠯᠠᠯᠲᠠ ᠬᠢᠵᠦ ᠠᠰᠠᠭᠤᠨ ᠯᠠᠪᠯᠠᠵᠤ᠂ ᠬᠤᠯᠪᠤᠭᠳᠠᠯ ᠪᠦᠬᠦᠢ ᠲᠠᠯ᠎ᠠ ᠶᠢᠨ ᠬᠢᠨ ᠤ ᠰᠠᠨᠠᠯ ᠢ ᠦᠷᠭᠡᠨ ᠳᠡᠯᠭᠡᠷ ᠰᠤᠨᠤᠰᠬᠤ ᠬᠡᠷᠡᠭᠲᠡᠢ᠃      ᠠᠷᠪᠠ ᠶᠢᠰᠦᠳᠦᠭᠡᠷ ᠵᠦᠢᠯ ᠤᠷᠤᠨ ᠨᠤᠲᠤᠭ ᠤᠨ ᠴᠢᠨᠠᠷᠲᠠᠢ ᠬᠠᠤᠯᠢ ᠲᠤᠭᠲᠠᠭᠠᠯ ᠪᠤᠯᠤᠨ ᠵᠠᠰᠠᠭ ᠤᠨ ᠣᠷᠳᠤᠨ ᠤ ᠲᠤᠭᠲᠠᠭᠠᠯ ᠳᠥᠷᠢᠮ ᠢ ᠲᠤᠭᠤᠷᠪᠢᠬᠤ ᠳᠤ ᠴᠢᠬᠤᠯᠠ ᠶᠡᠭᠡ ᠠᠰᠢᠭ ᠲᠤᠰᠠ ᠶᠢᠨ ᠲᠤᠬᠢᠷᠠᠭᠤᠯᠤᠯᠲᠠ ᠲᠠᠢ ᠬᠤᠯᠪᠤᠭᠳᠠᠬᠤ ᠪᠤᠶᠤ ᠴᠢᠬᠤᠯᠠ ᠶᠡᠭᠡ ᠰᠠᠨᠠᠯ ᠤᠨ ᠵᠦᠷᠢᠯᠳᠦᠭᠡᠨ ᠲᠠᠢ ᠪᠠᠶᠢᠵᠤ᠂ ᠡᠷᠬᠡᠲᠦ ᠠᠷᠠᠳ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠡᠷᠬᠡ ᠠᠰᠢᠭ ᠪᠠ ᠡᠭᠦᠷᠭᠡ ᠬᠠᠷᠢᠭᠤᠴᠠᠯᠭ᠎ᠠ ᠳᠤ ᠨᠡᠯᠢᠶᠡᠳ ᠶᠡᠭᠡ ᠨᠦᠯᠦᠭᠡ ᠲᠠᠢ ᠪᠠᠶᠢᠵᠤ᠂ ᠠᠷᠠᠳ ᠣᠯᠠᠨ ᠢᠶᠠᠷ ᠢᠶᠠᠨ ᠨᠡᠶᠢᠳᠡᠮ ᠠᠩᠬᠠᠷᠴᠦ᠂ ᠭᠡᠷᠡᠴᠢᠯᠡᠭᠡ ᠰᠤᠨᠤᠰᠬᠤ ᠴᠢᠬᠤᠯᠠ ᠲᠠᠢ ᠪᠣᠯ᠂ ᠲᠤᠭᠤᠷᠪᠢᠬᠤ ᠨᠢᠭᠡᠴᠢ ᠨᠢ ᠭᠡᠷᠡᠴᠢᠯᠡᠭᠡ ᠰᠤᠨᠤᠰᠬᠤ ᠬᠤᠷᠠᠯ ᠢ ᠬᠤᠷᠠᠯᠳᠤᠭᠤᠯᠬᠤ ᠬᠡᠷᠡᠭᠲᠡᠢ᠃      ᠬᠤᠷᠢᠳᠤᠭᠠᠷ ᠵᠦᠢᠯ ᠤᠷᠤᠨ ᠨᠤᠲᠤᠭ ᠤᠨ ᠴᠢᠨᠠᠷᠲᠠᠢ ᠬᠠᠤᠯᠢ ᠲᠤᠭᠲᠠᠭᠠᠯ ᠪᠤᠯᠤᠨ ᠵᠠᠰᠠᠭ ᠤᠨ ᠣᠷᠳᠤᠨ ᠤ ᠲᠤᠭᠲᠠᠭᠠᠯ ᠳᠥᠷᠢᠮ ᠢ ᠲᠤᠭᠤᠷᠪᠢᠬᠤ ᠳᠤ ᠵᠠᠬ᠎ᠠ ᠳᠡᠯᠭᠡᠭᠦᠷ ᠲᠤ ᠣᠷᠤᠬᠤ ᠶᠢ ᠵᠦᠪᠰᠢᠶᠡᠷᠡᠬᠦ᠂ ᠠᠵᠤ ᠦᠢᠯᠡᠰ ᠢ ᠭᠦᠭᠵᠢᠬᠦᠯᠬᠦ᠂ ᠬᠤᠳᠠᠯᠳᠤᠭᠠᠴᠢᠨ ᠤᠷᠢᠵᠤ ᠪᠡᠯᠡ ᠣᠷᠤᠭᠤᠯᠬᠤ᠂ ᠳᠠᠭᠠᠭᠠᠴᠢᠯᠠᠯᠲᠠ ᠵᠠᠷᠯᠠᠬᠤ ᠪᠠ ᠬᠦᠯᠢᠶᠡᠬᠦ᠂ ᠵᠠᠰᠠᠭ ᠤᠨ ᠣᠷᠳᠤᠨ ᠤ ᠬᠤᠳᠠᠯᠳᠤᠨ ᠠᠪᠬᠤ᠂ ᠡᠵᠡᠩᠨᠡᠬᠦ ᠠᠵᠢᠯᠯᠠᠭ᠎ᠠ ᠶᠢ ᠵᠢᠷᠤᠮᠵᠢᠭᠤᠯᠬᠤ᠂ ᠬᠢᠷᠢ ᠴᠢᠳᠠᠮᠵᠢ ᠶᠢᠨ ᠪᠠᠷᠢᠮᠵᠢᠶ᠎ᠠ ᠵᠡᠷᠭᠡ ᠵᠠᠬ᠎ᠠ ᠳᠡᠯᠭᠡᠭᠦᠷ ᠤᠨ ᠭᠤᠣᠯ ᠴᠤᠭᠴᠠ ᠶᠢᠨ ᠠᠵᠤ ᠠᠬᠤᠢ ᠶᠢᠨ ᠠᠵᠢᠯᠯᠠᠭ᠎ᠠ ᠲᠠᠢ ᠬᠤᠯᠪᠤᠭᠳᠠᠭᠰᠠᠨ ᠪᠣᠯ᠂ ᠲᠣᠭᠤᠷᠪᠢᠬᠤ ᠨᠢᠭᠡᠴᠢ ᠨᠢ ᠤᠯᠤᠰ ᠤᠨ ᠪᠠ ᠥᠪᠡᠷᠲᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠲᠤᠭᠲᠠᠭᠠᠯ ᠶᠤᠰᠤᠭᠠᠷ ᠲᠥᠪ ᠭᠤᠣᠯᠴᠢ ᠦᠷᠢᠰᠦᠯᠳᠦᠭᠡᠨ ᠤ ᠬᠢᠨᠠᠨ ᠪᠠᠶᠢᠴᠠᠭᠠᠯᠲᠠ ᠶᠢ ᠦᠷᠨᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠤᠭᠴᠠ ᠶᠢᠨ ᠰᠠᠨᠠᠯ ᠢ ᠰᠤᠨᠤᠰᠬᠤ ᠬᠡᠷᠡᠭᠲᠡᠢ᠃     ᠬᠤᠷᠢᠨ ᠨᠢᠭᠡᠳᠦᠭᠡᠷ ᠵᠦᠢᠯ ᠤᠷᠤᠨ ᠨᠤᠲᠤᠭ ᠤᠨ ᠴᠢᠨᠠᠷᠲᠠᠢ ᠬᠠᠤᠯᠢ ᠲᠤᠭᠲᠠᠭᠠᠯ ᠤᠨ ᠬᠦᠷᠭᠡᠵᠦ ᠬᠢᠨᠠᠭᠤᠯᠬᠤ ᠲᠦᠰᠦᠯ ᠤᠨ ᠨᠤᠤᠷᠠᠭ ᠪᠣᠯᠤᠨ ᠵᠠᠰᠠᠭ ᠤᠨ ᠣᠷᠳᠤᠨ ᠤ ᠲᠤᠭᠲᠠᠭᠠᠯ ᠳᠦᠷᠢᠮ ᠤᠨ ᠬᠦᠷᠭᠡᠵᠦ ᠬᠢᠨᠠᠭᠤᠯᠬᠤ ᠲᠦᠰᠦᠯ ᠤᠨ ᠨᠤᠤᠷᠠᠭ ᠢ ᠲᠤᠭᠤᠷᠪᠢᠭᠰᠠᠨ ᠨᠢᠭᠡᠴᠢ ᠶᠢᠨ ᠬᠠᠤᠯᠢ ᠳᠥᠷᠢᠮ ᠤᠨ ᠪᠠᠶᠢᠭᠤᠯᠤᠮᠵᠢ ᠠᠴᠠ ᠬᠢᠨᠠᠨ ᠬᠠᠷᠭᠤᠭᠤᠯᠵᠤ᠂ ᠲᠤᠭᠤᠷᠪᠢᠭᠰᠠᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠢᠶᠠᠷ ᠭᠠᠷ ᠤᠨ ᠦᠰᠦᠭ ᠵᠢᠷᠤᠭᠤᠯᠤᠭᠰᠠᠨ ᠤ ᠳᠠᠷᠠᠭ᠎ᠠ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠮᠡᠳᠡᠭᠦᠯᠦᠨ ᠬᠦᠷᠭᠡᠬᠦ ᠬᠡᠷᠡᠭᠲᠡᠢ᠃      ᠤᠷᠤᠨ ᠨᠤᠲᠤᠭ ᠤᠨ ᠴᠢᠨᠠᠷᠲᠠᠢ ᠬᠠᠤᠯᠢ ᠲᠤᠭᠲᠠᠭᠠᠯ ᠤᠨ ᠬᠦᠷᠭᠡᠵᠦ ᠬᠢᠨᠠᠭᠤᠯᠬᠤ ᠲᠦᠰᠦᠯ ᠤᠨ ᠨᠤᠤᠷᠠᠭ ᠪᠣᠯᠤᠨ ᠵᠠᠰᠠᠭ ᠤᠨ ᠣᠷᠳᠤᠨ ᠤ ᠲᠤᠭᠲᠠᠭᠠᠯ ᠳᠦᠷᠢᠮ ᠤᠨ ᠬᠦᠷᠭᠡᠵᠦ ᠬᠢᠨᠠᠭᠤᠯᠬᠤ ᠲᠦᠰᠦᠯ ᠤᠨ ᠨᠤᠤᠷᠠᠭ ᠢ ᠬᠡᠳᠦᠨ ᠨᠢᠭᠡᠴᠢ ᠠᠴᠠ ᠬᠠᠮᠲᠤ ᠪᠠᠷ ᠲᠤᠭᠤᠷᠪᠢᠭᠰᠠᠨ ᠪᠣᠯ᠂ ᠲᠤᠭᠤᠷᠪᠢᠭᠰᠠᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠠᠷ ᠬᠠᠮᠲᠤ ᠪᠠᠷ ᠭᠠᠷ ᠤᠨ ᠦᠰᠦᠭ ᠵᠢᠷᠤᠬᠤ ᠬᠡᠷᠡᠭᠲᠡᠢ᠃      ᠳᠦᠷᠪᠡᠳᠦᠭᠡᠷ ᠪᠦᠯᠦᠭ ᠬᠢᠨᠠᠨ ᠪᠠᠶᠢᠴᠠᠭᠠᠬᠤ      ᠬᠤᠷᠢᠨ ᠬᠤᠶᠠᠳᠤᠭᠠᠷ ᠵᠦᠢᠯ ᠤᠷᠤᠨ ᠨᠤᠲᠤᠭ ᠤᠨ ᠴᠢᠨᠠᠷᠲᠠᠢ ᠬᠠᠤᠯᠢ ᠲᠤᠭᠲᠠᠭᠠᠯ ᠤᠨ ᠬᠦᠷᠭᠡᠵᠦ ᠬᠢᠨᠠᠭᠤᠯᠬᠤ ᠲᠦᠰᠦᠯ ᠤᠨ ᠨᠤᠤᠷᠠᠭ ᠪᠣᠯᠤᠨ ᠵᠠᠰᠠᠭ ᠤᠨ ᠣᠷᠳᠤᠨ ᠤ ᠲᠤᠭᠲᠠᠭᠠᠯ ᠳᠦᠷᠢᠮ ᠤᠨ ᠬᠦᠷᠭᠡᠵᠦ ᠬᠢᠨᠠᠭᠤᠯᠬᠤ ᠲᠦᠰᠦᠯ ᠤᠨ ᠨᠤᠤᠷᠠᠭ ᠢ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠬᠠᠷᠢᠭᠤᠴᠠᠵᠤ ᠬᠢᠨᠠᠨ ᠪᠠᠶᠢᠴᠠᠭᠠᠨ᠎ᠠ᠃     ᠬᠤᠷᠢᠨ ᠭᠤᠷᠪᠠᠳᠤᠭᠠᠷ ᠵᠦᠢᠯ ᠤᠷᠤᠨ ᠨᠤᠲᠤᠭ ᠤᠨ ᠴᠢᠨᠠᠷᠲᠠᠢ ᠬᠠᠤᠯᠢ ᠲᠤᠭᠲᠠᠭᠠᠯ ᠤᠨ ᠬᠦᠷᠭᠡᠵᠦ ᠬᠢᠨᠠᠭᠤᠯᠬᠤ ᠲᠦᠰᠦᠯ ᠤᠨ ᠨᠤᠤᠷᠠᠭ ᠪᠣᠯᠤᠨ ᠵᠠᠰᠠᠭ ᠤᠨ ᠣᠷᠳᠤᠨ ᠤ ᠲᠤᠭᠲᠠᠭᠠᠯ ᠳᠦᠷᠢᠮ ᠤᠨ ᠬᠦᠷᠭᠡᠵᠦ ᠬᠢᠨᠠᠭᠤᠯᠬᠤ ᠲᠦᠰᠦᠯ ᠤᠨ ᠨᠤᠤᠷᠠᠭ ᠲᠤ ᠳᠤᠤᠷᠠᠬᠢ ᠪᠠᠶᠢᠳᠠᠯ ᠤᠨ ᠨᠢᠭᠡ ᠨᠢ ᠤᠷᠤᠰᠢᠵᠦ ᠪᠠᠶᠢᠪᠠᠯ᠂ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠠᠯᠭᠤᠷᠯᠠᠨ ᠬᠢᠨᠠᠨ ᠪᠠᠶᠢᠴᠠᠭᠠᠵᠦ ᠪᠤᠯᠤᠨ᠎ᠠ᠄      ︵ᠨᠢᠭᠡ︶ ᠲᠤᠭᠲᠠᠭᠠᠯ ᠶᠤᠰᠤᠭᠠᠷ ᠢᠯᠡ ᠪᠠᠷ ᠰᠠᠨᠠᠯ ᠬᠤᠷᠢᠶᠠᠭᠰᠠᠨ ᠦᠭᠡᠢ ᠪᠠᠶᠢᠬᠤ︔      ︵ᠬᠤᠶᠠᠷ︶ ᠬᠤᠯᠪᠤᠭᠳᠠᠯ ᠪᠦᠬᠦᠢ ᠪᠠᠶᠢᠭᠤᠯᠤᠮᠵᠢ ᠪᠤᠶᠤ ᠰᠠᠯᠠᠭ᠎ᠠ ᠮᠦᠴᠢᠷ ᠨᠢ ᠬᠦᠷᠭᠡᠵᠦ ᠬᠢᠨᠠᠭᠤᠯᠤᠭᠰᠠᠨ ᠲᠦᠰᠦᠯ ᠤᠨ ᠨᠤᠤᠷᠠᠭ ᠲᠤ ᠨᠡᠯᠢᠶᠡᠳ ᠶᠡᠭᠡ ᠮᠠᠷᠭᠤᠭᠠᠨ ᠲᠠᠢ ᠪᠠᠶᠢᠵᠤ᠂ ᠲᠤᠭᠤᠷᠪᠢᠭᠰᠠᠨ ᠨᠢᠭᠡᠴᠢ ᠨᠢ ᠬᠤᠯᠪᠤᠭᠳᠠᠯ ᠪᠦᠬᠦᠢ ᠪᠠᠶᠢᠭᠤᠯᠤᠮᠵᠢ ᠪᠤᠶᠤ ᠰᠠᠯᠠᠭ᠎ᠠ ᠮᠦᠴᠢᠷ ᠲᠠᠢ ᠭᠦᠢᠴᠡᠳ ᠵᠦᠪᠳᠡᠯᠴᠡᠭᠰᠡᠨ ᠦᠭᠡᠢ ᠪᠠᠶᠢᠬᠤ︔      ︵ᠭᠤᠷᠪᠠ︶ ᠲᠤᠭᠤᠷᠪᠢᠭᠰᠠᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠢ ᠭᠠᠷ ᠤᠨ ᠦᠰᠦᠭ ᠵᠢᠷᠤᠭᠰᠠᠨ ᠦᠭᠡᠢ ᠪᠠᠶᠢᠬᠤ︔      ︵ᠳᠥᠷᠪᠡ︶ ᠲᠤᠭᠤᠷᠪᠢᠭᠰᠠᠨ ᠨᠢᠭᠡᠴᠢ ᠨᠢ ᠠᠯᠭᠤᠷᠯᠠᠨ ᠬᠢᠨᠠᠨ ᠪᠠᠶᠢᠴᠠᠭᠠᠯᠲᠠ ᠬᠢᠯᠬᠡᠬᠦ ᠪᠢᠴᠢᠭᠯᠡᠭᠰᠡᠨ ᠭᠤᠶᠤᠴᠢᠯᠠᠯ ᠭᠠᠷᠭᠠᠭᠰᠠᠨ ᠪᠠᠶᠢᠬᠤ︔      ︵ᠲᠠᠪᠤ︶ ᠬᠠᠤᠯᠢ ᠴᠠᠭᠠᠵᠠ᠂ ᠬᠠᠤᠯᠢ ᠲᠤᠭᠲᠠᠭᠠᠯ ᠳᠤ ᠲᠤᠨᠨᠳᠠᠭᠠᠨᠨᠰᠠᠨ ᠠᠯᠭᠤᠷᠯᠠᠨ ᠬᠢᠨᠠᠨ ᠪᠠᠶᠢᠴᠠᠭᠠᠯᠲᠠ ᠬᠢᠵᠦ ᠪᠤᠯᠬᠤ ᠪᠤᠰᠤᠳ ᠪᠠᠶᠢᠳᠠᠯ᠃     ᠬᠤᠷᠢᠨ ᠳᠦᠷᠪᠡᠳᠦᠭᠡᠷ ᠵᠦᠢᠯ ᠤᠷᠤᠨ ᠨᠤᠲᠤᠭ ᠤᠨ ᠴᠢᠨᠠᠷᠲᠠᠢ ᠬᠠᠤᠯᠢ ᠲᠤᠭᠲᠠᠭᠠᠯ ᠤᠨ ᠬᠦᠷᠭᠡᠵᠦ ᠬᠢᠨᠠᠭᠤᠯᠬᠤ ᠲᠦᠰᠦᠯ ᠤᠨ ᠨᠤᠤᠷᠠᠭ ᠪᠣᠯᠤᠨ ᠵᠠᠰᠠᠭ ᠤᠨ ᠣᠷᠳᠤᠨ ᠤ ᠲᠤᠭᠲᠠᠭᠠᠯ ᠳᠦᠷᠢᠮ ᠤᠨ ᠬᠦᠷᠭᠡᠵᠦ ᠬᠢᠨᠠᠭᠤᠯᠬᠤ ᠲᠦᠰᠦᠯ ᠤᠨ ᠨᠤᠤᠷᠠᠭ ᠲᠤ ᠳᠤᠤᠷᠠᠬᠢ ᠪᠠᠶᠢᠳᠠᠯ ᠤᠨ ᠨᠢᠭᠡ ᠨᠢ ᠤᠷᠤᠰᠢᠵᠦ ᠪᠠᠶᠢᠪᠠᠯ᠂ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠲᠤᠭᠤᠷᠪᠢᠭᠰᠠᠨ ᠨᠢᠭᠡᠴᠢ ᠳᠤ ᠪᠤᠴᠠᠭᠠᠵᠤ ᠪᠤᠯᠤᠨ᠎ᠠ᠄      ︵ᠨᠢᠭᠡ︶ ᠬᠠᠤᠯᠢ ᠲᠤᠭᠲᠠᠭᠠᠬᠤ ᠨᠦᠬᠦᠴᠡᠯ ᠨᠢ ᠬᠠᠷᠠᠬᠠᠨ ᠳᠡᠭᠦᠯᠳᠡᠷ ᠪᠤᠯᠤᠭᠠᠳᠦᠢ ᠪᠤᠶᠤ ᠴᠢᠬᠤᠯᠠ ᠶᠡᠭᠡ ᠬᠤᠪᠢᠷᠠᠯᠲᠠ ᠭᠠᠷᠤᠭᠰᠠᠨ ᠪᠠᠶᠢᠬᠤ︔      ︵ᠬᠤᠶᠠᠷ︶ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢᠶᠠᠷ ᠳᠠᠮᠵᠢᠨ ᠰᠢᠢᠳᠪᠦᠷᠢᠯᠡᠵᠦ ᠪᠣᠯᠬᠤ ᠠᠰᠠᠭᠤᠳᠠᠯ︔      ︵ᠭᠤᠷᠪᠠ︶ ᠬᠠᠤᠯᠢ ᠶᠤᠰᠤᠴᠢ ᠴᠢᠨᠠᠷ᠂ ᠵᠦᠢ ᠶᠤᠰᠤᠴᠢ ᠴᠢᠨᠠᠷ ᠲᠠᠢ ᠴᠢᠬᠤᠯᠠ ᠶᠡᠭᠡ ᠠᠰᠠᠭᠤᠳᠠᠯ ᠤᠷᠤᠰᠢᠵᠤ ᠪᠠᠶᠢᠬᠤ︔      ︵ᠳᠥᠷᠪᠡ︶ ᠬᠠᠤᠯᠢ ᠴᠠᠭᠠᠵᠠ᠂ ᠬᠠᠤᠯᠢ ᠲᠤᠭᠲᠠᠭᠠᠯ ᠳᠤ ᠲᠤᠭᠲᠠᠭᠠᠭᠰᠠᠨ ᠪᠣᠴᠠᠭᠠᠵᠤ ᠪᠣᠯᠬᠤ ᠪᠤᠰᠤᠳ ᠪᠠᠶᠢᠳᠠᠯ᠃      ᠬᠤᠷᠢᠨ ᠲᠠᠪᠤᠳᠤᠭᠠᠷ ᠵᠦᠢᠯ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠠᠯᠭᠤᠷᠯᠠᠨ ᠬᠢᠨᠠᠨ ᠪᠠᠶᠢᠴᠠᠭᠠᠬᠤ ᠪᠤᠶᠤ ᠤᠷᠤᠨ ᠨᠤᠲᠤᠭ ᠤᠨ ᠴᠢᠨᠠᠷᠲᠠᠢ ᠬᠠᠤᠯᠢ ᠲᠤᠭᠲᠠᠭᠠᠯ ᠤᠨ ᠬᠦᠷᠭᠡᠵᠦ ᠬᠢᠨᠠᠭᠤᠯᠬᠤ ᠲᠦᠰᠦᠯ ᠤᠨ ᠨᠤᠤᠷᠠᠭ ᠪᠣᠯᠤᠨ ᠵᠠᠰᠠᠭ ᠤᠨ ᠣᠷᠳᠤᠨ ᠤ ᠲᠤᠭᠲᠠᠭᠠᠯ ᠳᠦᠷᠢᠮ ᠤᠨ ᠬᠦᠷᠭᠡᠵᠦ ᠬᠢᠨᠠᠭᠤᠯᠬᠤ ᠲᠦᠰᠦᠯ ᠤᠨ ᠨᠤᠤᠷᠠᠭ ᠢ ᠪᠤᠴᠠᠭᠠᠬᠤ ᠳᠤ ᠪᠠᠨ᠂ ᠲᠤᠭᠤᠷᠪᠢᠭᠰᠠᠨ ᠨᠢᠭᠡᠴᠢ ᠳᠤ ᠪᠢᠴᠢᠭᠯᠡᠭᠰᠡᠨ ᠬᠡᠯᠪᠡᠷᠢ ᠪᠠᠷ ᠮᠡᠳᠡᠭᠳᠡᠬᠦ ᠪᠦᠭᠡᠳ ᠰᠢᠯᠲᠠᠭᠠᠨ ᠢ ᠪᠠᠨ ᠲᠣᠳᠤᠷᠬᠠᠶᠢᠯᠠᠭᠰᠠᠨ ᠪᠠᠶᠢᠬᠤ ᠬᠡᠷᠡᠭᠲᠡᠢ᠃      ᠬᠤᠷᠢᠨ ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠤᠷᠤᠨ ᠨᠤᠲᠤᠭ ᠤᠨ ᠴᠢᠨᠠᠷᠲᠠᠢ ᠬᠠᠤᠯᠢ ᠲᠤᠭᠲᠠᠭᠠᠯ ᠤᠨ ᠬᠦᠷᠭᠡᠵᠦ ᠬᠢᠨᠠᠭᠤᠯᠬᠤ ᠲᠦᠰᠦᠯ ᠤᠨ ᠨᠤᠤᠷᠠᠭ ᠪᠣᠯᠤᠨ ᠵᠠᠰᠠᠭ ᠤᠨ ᠣᠷᠳᠤᠨ ᠤ ᠲᠤᠭᠲᠠᠭᠠᠯ ᠳᠦᠷᠢᠮ ᠤᠨ ᠬᠦᠷᠭᠡᠵᠦ ᠬᠢᠨᠠᠭᠤᠯᠬᠤ ᠲᠦᠰᠦᠯ ᠤᠨ ᠨᠤᠤᠷᠠᠭ ᠵᠢᠴᠢ ᠲᠡᠳᠡᠬᠡᠷ ᠤᠨ ᠲᠣᠳᠤᠷᠬᠠᠶᠢᠯᠠᠯᠲᠠ ᠶᠢ ᠨᠢ ᠬᠢᠨᠠᠨ ᠪᠠᠶᠢᠴᠠᠭᠠᠬᠤ ᠳᠤ ᠪᠠᠨ᠂ ᠨᠡᠶᠢᠭᠡᠮ ᠨᠡᠶᠢᠲᠡ ᠳᠤ ᠢᠯᠡ ᠪᠠᠷ ᠨᠡᠶᠢᠲᠡᠯᠡᠵᠦ ᠰᠠᠨᠠᠯ ᠬᠤᠷᠢᠶᠠᠵᠤ ᠪᠤᠯᠤᠨ᠎ᠠ᠃ ᠨᠡᠶᠢᠭᠡᠮ ᠨᠡᠶᠢᠲᠡ ᠳᠤ ᠢᠯᠡ ᠪᠠᠷ ᠨᠡᠶᠢᠲᠡᠯᠡᠵᠦ ᠰᠠᠨᠠᠯ ᠬᠤᠷᠢᠶᠠᠬᠤ ᠬᠤᠭᠤᠴᠠᠭ᠎ᠠ ᠬᠢᠵᠠᠭᠠᠷ ᠢ ᠡᠩ ᠤᠨ ᠪᠠᠶᠢᠳᠠᠯ ᠳᠤ ᠭᠤᠴᠢᠨ ᠡᠳᠦᠷ ᠠᠴᠠ ᠣᠬᠤᠷ ᠪᠠᠶᠢᠯᠭᠠᠵᠦ ᠪᠤᠯᠬᠤ ᠦᠭᠡᠢ᠃      ᠬᠤᠷᠢᠨ ᠳᠤᠯᠤᠳᠤᠭᠠᠷ ᠵᠦᠢᠯ ᠤᠷᠤᠨ ᠨᠤᠲᠤᠭ ᠤᠨ ᠴᠢᠨᠠᠷᠲᠠᠢ ᠬᠠᠤᠯᠢ ᠲᠤᠭᠲᠠᠭᠠᠯ ᠤᠨ ᠬᠦᠷᠭᠡᠵᠦ ᠬᠢᠨᠠᠭᠤᠯᠬᠤ ᠲᠦᠰᠦᠯ ᠤᠨ ᠨᠤᠤᠷᠠᠭ ᠪᠣᠯᠤᠨ ᠵᠠᠰᠠᠭ ᠤᠨ ᠣᠷᠳᠤᠨ ᠤ ᠲᠤᠭᠲᠠᠭᠠᠯ ᠳᠦᠷᠢᠮ ᠤᠨ ᠬᠦᠷᠭᠡᠵᠦ ᠬᠢᠨᠠᠭᠤᠯᠬᠤ ᠲᠦᠰᠦᠯ ᠤᠨ ᠨᠤᠤᠷᠠᠭ ᠨᠢ ᠴᠢᠬᠤᠯᠠ ᠶᠡᠭᠡ ᠠᠰᠢᠭ ᠲᠤᠰᠠ ᠶᠢᠨ ᠲᠣᠬᠢᠷᠠᠭᠤᠯᠤᠯᠲᠠ ᠲᠠᠢ ᠬᠤᠯᠪᠤᠭᠳᠠᠭᠰᠠᠨ ᠪᠣᠯ᠂ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠨᠤᠲᠠᠯᠠᠯᠲᠠ ᠬᠢᠵᠦ ᠠᠰᠠᠭᠤᠨ ᠯᠠᠪᠯᠠᠬᠤ ᠪᠦᠭᠡᠳ ᠬᠤᠯᠪᠤᠭᠳᠠᠯ ᠪᠦᠬᠦᠢ ᠲᠠᠯ᠎ᠠ ᠶᠢᠨ ᠬᠢᠨ ᠤ ᠰᠠᠨᠠᠯ ᠢ ᠦᠷᠭᠡᠨ ᠳᠡᠯᠭᠡᠷ ᠰᠤᠨᠤᠰᠬᠤ ᠬᠡᠷᠡᠭᠲᠡᠢ᠃      ᠨᠤᠲᠠᠯᠠᠵᠤ ᠠᠰᠠᠭᠤᠨ ᠯᠠᠪᠯᠠᠬᠤ ᠳᠤ ᠰᠠᠭᠤᠳᠠᠯ ᠤᠨ ᠬᠤᠷᠠᠯ᠂ ᠨᠤᠲᠠᠯᠠᠬᠤ ᠬᠤᠷᠠᠯ᠂ ᠭᠡᠷᠡᠴᠢᠯᠡᠭᠡ ᠰᠤᠨᠤᠰᠬᠤ ᠬᠤᠷᠠᠯ᠂ ᠨᠠᠶᠢᠳᠠᠵᠤ ᠰᠤᠳᠤᠯᠤᠭᠤᠯᠬᠤ ᠵᠡᠷᠭᠡ ᠤᠯᠠᠨ ᠬᠡᠯᠪᠡᠷᠢ ᠪᠠᠷ ᠳᠠᠮᠵᠢᠵᠤ ᠪᠣᠯᠣᠨ᠎ᠠ᠃     ᠬᠤᠷᠢᠨ ᠨᠠᠢᠮᠠᠳᠤᠭᠠᠷ ᠵᠦᠢᠯ ᠬᠤᠯᠪᠤᠭᠳᠠᠯ ᠪᠦᠬᠦᠢ ᠪᠠᠶᠢᠭᠤᠯᠤᠮᠵᠢ ᠪᠤᠶᠤ ᠰᠠᠯᠠᠭ᠎ᠠ ᠮᠦᠴᠢᠷ ᠨᠢ ᠤᠷᠤᠨ ᠨᠤᠲᠤᠭ ᠤᠨ ᠴᠢᠨᠠᠷᠲᠠᠢ ᠬᠠᠤᠯᠢ ᠲᠤᠭᠲᠠᠭᠠᠯ ᠤᠨ ᠬᠦᠷᠭᠡᠵᠦ ᠬᠢᠨᠠᠭᠤᠯᠬᠤ ᠲᠦᠰᠦᠯ ᠤᠨ ᠨᠤᠤᠷᠠᠭ ᠪᠣᠯᠤᠨ ᠵᠠᠰᠠᠭ ᠤᠨ ᠣᠷᠳᠤᠨ ᠤ ᠲᠤᠭᠲᠠᠭᠠᠯ ᠳᠦᠷᠢᠮ ᠤᠨ ᠬᠦᠷᠭᠡᠵᠦ ᠬᠢᠨᠠᠭᠤᠯᠬᠤ ᠲᠦᠰᠦᠯ ᠤᠨ ᠨᠤᠤᠷᠠᠭ ᠲᠤ ᠬᠤᠯᠪᠣᠭᠳᠠᠭᠰᠠᠨ ᠭᠤᠣᠯ ᠪᠤᠯᠬᠤ ᠠᠷᠭ᠎ᠠ ᠬᠡᠮᠵᠢᠶ᠎ᠡ᠂ ᠬᠠᠮᠢᠶᠠᠷᠤᠯᠲᠠ ᠶᠢᠨ ᠪᠠᠶᠢᠭᠤᠯᠤᠯ᠂ ᠡᠷᠬᠡ ᠶᠢᠨ ᠬᠡᠪᠴᠢᠶ᠎ᠡ ᠬᠢᠵᠠᠭᠠᠷᠯᠠᠯ ᠪᠠ ᠠᠵᠢᠯ ᠤᠨ ᠬᠤᠪᠢᠶᠠᠷᠢᠯᠠᠯ ᠵᠡᠷᠭᠡ ᠠᠰᠠᠭᠤᠳᠠᠯ ᠳᠤ ᠠᠳᠠᠯᠢ ᠪᠤᠰᠤ ᠶᠢᠨ ᠰᠠᠨᠠᠯ ᠲᠠᠢ ᠪᠣᠯ᠂ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠵᠣᠬᠢᠴᠠᠭᠤᠯᠵᠤ ᠪᠠᠶᠢᠭᠠᠳ᠂ ᠰᠠᠨᠠᠯ ᠨᠢᠭᠡᠲᠡᠢ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠨᠡᠯᠢᠶᠡᠳ ᠶᠡᠭᠡ ᠮᠠᠷᠭᠤᠭᠠᠨ ᠲᠠᠢ ᠴᠢᠬᠤᠯᠠ ᠵᠦᠢᠯᠡᠰ ᠢ ᠪᠣᠯ᠂ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠬᠤᠯᠪᠤᠭᠳᠠᠯ ᠪᠦᠬᠦᠢ ᠲᠤᠰᠬᠠᠢ ᠮᠡᠷᠭᠡᠵᠢᠯᠲᠡᠨ᠂ ᠵᠢᠭᠠᠨ ᠰᠤᠷᠭᠠᠬᠤ ᠪᠠ ᠰᠢᠨᠵᠢᠯᠡᠬᠦ ᠤᠬᠠᠭᠠᠨ ᠤ ᠰᠤᠳᠤᠯᠤᠯ ᠤᠨ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠨᠠᠶᠢᠳᠠᠵᠤ ᠦᠨᠡᠯᠡᠨ ᠵᠢᠱᠢᠯᠲᠡ ᠬᠢᠯᠭᠡᠬᠦ ᠬᠡᠷᠡᠭᠲᠡᠢ᠃      ᠵᠣᠬᠢᠴᠠᠭᠤᠯᠬᠤ ᠪᠠᠷ ᠳᠠᠮᠵᠢᠨ ᠰᠠᠨᠠᠯ ᠨᠢᠭᠡᠳᠴᠦ ᠳᠡᠶᠢᠯᠦᠭᠰᠡᠨ ᠦᠭᠡᠢ ᠪᠠᠶᠢᠪᠠᠯ᠂ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠭᠤᠣᠯ ᠠᠰᠠᠭᠤᠳᠠᠯ᠂ ᠬᠤᠯᠪᠤᠭᠳᠠᠯ ᠪᠦᠬᠦᠢ ᠪᠠᠶᠢᠭᠤᠯᠤᠮᠵᠢ ᠪᠤᠶᠤ ᠰᠠᠯᠠᠭ᠎ᠠ ᠮᠦᠴᠢᠷ ᠤᠨ ᠰᠠᠨᠠᠯ ᠪᠤᠯᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠰᠠᠨᠠᠯ ᠢ ᠴᠠᠭ ᠲᠤᠬᠠᠢ ᠳᠤ ᠨᠢ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠤ ᠬᠤᠯᠪᠤᠭᠳᠠᠯ ᠪᠦᠬᠦᠢ ᠤᠳᠤᠷᠢᠳᠤᠯᠭ᠎ᠠ ᠳᠤ ᠮᠡᠳᠡᠭᠦᠯᠵᠦ ᠵᠣᠬᠢᠴᠠᠭᠤᠯᠤᠭᠤᠯᠬᠤ ᠪᠤᠶᠤ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠳᠤ ᠮᠡᠳᠡᠭᠦᠯᠵᠦ ᠰᠢᠢᠳᠪᠦᠷᠢᠯᠡᠭᠦᠯᠬᠦ ᠬᠡᠷᠡᠭᠲᠡᠢ᠃     ᠬᠤᠷᠢ ᠶᠢᠰᠦᠳᠦᠭᠡᠷ ᠵᠦᠢᠯ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠡᠯ᠎ᠡ ᠲᠠᠯ᠎ᠠ ᠶᠢᠨ ᠬᠢᠨ ᠤ ᠰᠠᠨᠠᠯ ᠢ ᠬᠢᠨᠠᠮᠠᠭᠠᠢ ᠰᠤᠳᠤᠯᠵᠤ᠂ ᠲᠤᠭᠤᠷᠪᠢᠭᠰᠠᠨ ᠨᠢᠭᠡᠴᠢ ᠲᠠᠢ ᠵᠦᠪᠳᠡᠯᠴᠡᠭᠰᠡᠨ ᠤ ᠳᠠᠷᠠᠭ᠎ᠠ᠂ ᠤᠷᠤᠨ ᠨᠤᠲᠤᠭ ᠤᠨ ᠴᠢᠨᠠᠷᠲᠠᠢ ᠬᠠᠤᠯᠢ ᠲᠤᠭᠲᠠᠭᠠᠯ ᠤᠨ ᠬᠦᠷᠭᠡᠵᠦ ᠬᠢᠨᠠᠭᠤᠯᠬᠤ ᠲᠦᠰᠦᠯ ᠤᠨ ᠨᠤᠤᠷᠠᠭ ᠪᠣᠯᠤᠨ ᠵᠠᠰᠠᠭ ᠤᠨ ᠣᠷᠳᠤᠨ ᠤ ᠲᠤᠭᠲᠠᠭᠠᠯ ᠳᠦᠷᠢᠮ ᠤᠨ ᠬᠦᠷᠭᠡᠵᠦ ᠬᠢᠨᠠᠭᠤᠯᠬᠤ ᠲᠦᠰᠦᠯ ᠤᠨ ᠨᠤᠤᠷᠠᠭ ᠲᠤ ᠵᠠᠰᠠᠪᠤᠷᠢ ᠤᠷᠤᠭᠤᠯᠵᠤ᠂ ᠲᠦᠰᠦᠯ ᠪᠠ ᠲᠦᠰᠦᠯ ᠤᠨ ᠲᠣᠳᠤᠷᠬᠠᠶᠢᠯᠠᠯᠲᠠ ᠬᠢᠬᠦ ᠬᠡᠷᠡᠭᠲᠡᠢ᠃ ᠤᠷᠤᠨ ᠨᠤᠲᠤᠭ ᠤᠨ ᠴᠢᠨᠠᠷᠲᠠᠢ ᠬᠠᠤᠯᠢ ᠲᠤᠭᠲᠠᠭᠠᠯ ᠤᠨ ᠲᠦᠰᠦᠯ ᠪᠣᠯᠤᠨ ᠵᠠᠰᠠᠭ ᠤᠨ ᠣᠷᠳᠤᠨ ᠤ ᠲᠤᠭᠲᠠᠭᠠᠯ ᠳᠦᠷᠢᠮ ᠤᠨ ᠲᠦᠰᠦᠯ ᠵᠢᠴᠢ ᠳᠤᠳᠤᠷᠬᠠᠶᠢᠯᠠᠯᠲᠠ ᠳᠤ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠭᠤᠣᠯ ᠬᠠᠷᠢᠭᠤᠴᠠᠯᠭᠠᠲᠠᠨ ᠠᠴᠠ ᠭᠠᠷ ᠤᠨ ᠦᠰᠦᠭ ᠵᠢᠷᠤᠵᠤ᠂ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠳᠤ ᠳᠡᠪᠰᠢᠭᠦᠯᠵᠦ ᠬᠢᠨᠠᠨ ᠵᠦᠪᠯᠡᠭᠦᠯᠬᠦ ᠬᠡᠷᠡᠭᠲᠡᠢ᠃      ᠲᠠᠪᠤᠳᠤᠭᠠᠷ ᠪᠦᠯᠦᠭ ᠲᠣᠭᠲᠠᠭᠠᠬᠤ ᠬᠢᠭᠡᠳ ᠨᠡᠶᠢᠲᠡᠯᠡᠬᠦ      ᠭᠤᠴᠢᠳᠤᠭᠠᠷ ᠵᠦᠢᠯ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠤᠷᠤᠨ ᠨᠤᠲᠤᠭ ᠤᠨ ᠴᠢᠨᠠᠷᠲᠠᠢ ᠬᠠᠤᠯᠢ ᠲᠤᠭᠲᠠᠭᠠᠯ ᠤᠨ ᠲᠦᠰᠦᠯ ᠪᠣᠯᠤᠨ ᠵᠠᠰᠠᠭ ᠤᠨ ᠣᠷᠳᠤᠨ ᠤ ᠲᠤᠭᠲᠠᠭᠠᠯ ᠳᠦᠷᠢᠮ ᠤᠨ ᠲᠦᠰᠦᠯ ᠢ ᠬᠢᠨᠠᠨ ᠵᠦᠪᠯᠡᠬᠦ ᠦᠶ᠎ᠡ ᠳᠤ᠂ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠲᠣᠳᠤᠷᠬᠠᠶᠢᠯᠠᠯᠲᠠ ᠬᠢᠨ᠎ᠡ᠂ ᠪᠠᠰᠠ ᠲᠤᠭᠤᠷᠪᠢᠭᠰᠠᠨ ᠨᠢᠭᠡᠴᠢ ᠠᠴᠠ ᠲᠤᠳᠤᠷᠬᠠᠶᠢᠯᠠᠯᠲᠠ ᠬᠢᠵᠦ ᠪᠤᠯᠤᠨ᠎ᠠ᠃     ᠭᠤᠴᠢᠨ ᠨᠢᠭᠡᠳᠦᠭᠡᠷ ᠵᠦᠢᠯ ᠤᠷᠤᠨ ᠨᠤᠲᠤᠭ ᠤᠨ ᠴᠢᠨᠠᠷᠲᠠᠢ ᠬᠠᠤᠯᠢ ᠲᠤᠭᠲᠠᠭᠠᠯ ᠤᠨ ᠲᠦᠰᠦᠯ ᠢ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠪᠤᠶᠤ ᠪᠦᠭᠦᠳᠡ ᠬᠤᠷᠠᠯ ᠠᠴᠠ ᠲᠤᠭᠲᠠᠭᠠᠵᠤ᠂ ᠥᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ ᠠᠴᠠ ᠵᠦᠪᠯᠡᠯᠭᠡ ᠳᠤ ᠭᠠᠷ ᠤᠨ ᠦᠰᠦᠭ ᠵᠢᠷᠤᠵᠤ᠂ ᠥᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠤᠶᠤ ᠥᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠡᠪᠰᠢᠭᠦᠯᠵᠦ ᠬᠢᠨᠠᠨ ᠵᠦᠪᠯᠡᠭᠦᠯᠬᠦ ᠬᠡᠷᠡᠭᠲᠡᠢ᠃     ᠭᠤᠴᠢᠨ ᠬᠤᠶᠠᠳᠤᠭᠠᠷ ᠵᠦᠢᠯ ᠵᠠᠰᠠᠭ ᠤᠨ ᠣᠷᠳᠤᠨ ᠤ ᠲᠤᠭᠲᠠᠭᠠᠯ ᠳᠦᠷᠢᠮ ᠢ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠤ ᠪᠠᠶᠢᠩᠭᠤ ᠶᠢᠨ ᠬᠤᠷᠠᠯ ᠪᠤᠶᠤ ᠪᠦᠭᠦᠳᠡ ᠬᠤᠷᠠᠯ ᠠᠴᠠ ᠲᠤᠭᠲᠠᠭᠠᠵᠤ᠂ ᠥᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ ᠠᠴᠠ ᠵᠠᠷᠯᠢᠭ ᠲᠤ ᠭᠠᠷ ᠤᠨ ᠦᠰᠦᠭ ᠵᠢᠷᠤᠵᠤ ᠨᠡᠶᠢᠲᠡᠯᠡᠬᠦ ᠬᠡᠷᠡᠭᠲᠡᠢ᠃      ᠭᠤᠴᠢᠨ ᠭᠤᠷᠪᠠᠳᠤᠭᠠᠷ ᠵᠦᠢᠯ ᠵᠠᠰᠠᠭ ᠤᠨ ᠣᠷᠳᠤᠨ ᠤ ᠲᠤᠭᠲᠠᠭᠠᠯ ᠳᠦᠷᠢᠮ ᠢ ᠨᠡᠶᠢᠲᠡᠯᠡᠬᠦ ᠵᠠᠷᠯᠢᠭ ᠲᠤ ᠲᠣᠭᠲᠠᠭᠠᠬᠤ ᠪᠠᠶᠢᠭᠤᠯᠭ᠎ᠠ᠂ ᠳ᠋ᠤᠭᠠᠷ ᠲᠤᠭᠠᠳᠤ᠂ ᠲᠣᠭᠲᠠᠭᠠᠯ ᠳᠥᠷᠢᠮ ᠤᠨ ᠨᠡᠷᠡᠶᠢᠳᠦᠯ᠂ ᠪᠠᠳᠤᠯᠠᠬᠤ ᠡᠳᠦᠷ ᠬᠤᠭᠤᠴᠠᠭ᠎ᠠ᠂ ᠬᠡᠷᠡᠭᠵᠢᠬᠦᠯᠬᠦ ᠡᠳᠦᠷ ᠬᠤᠭᠤᠴᠠᠭ᠎ᠠ᠂ ᠥᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ ᠶᠢᠨ ᠭᠠᠷ ᠤᠨ ᠦᠰᠦᠭ ᠵᠢᠴᠢ ᠨᠡᠶᠢᠲᠡᠯᠡᠬᠦ ᠡᠳᠦᠷ ᠬᠤᠭᠤᠴᠠᠭ᠎ᠠ ᠶᠢ ᠲᠤᠳᠤᠷᠬᠠᠢ ᠪᠢᠴᠢᠬᠦ ᠬᠡᠷᠡᠭᠲᠡᠢ᠃      ᠭᠤᠴᠢᠨ ᠳᠦᠷᠪᠡᠳᠦᠭᠡᠷ ᠵᠦᠢᠯ ᠵᠠᠰᠠᠭ ᠤᠨ ᠣᠷᠳᠤᠨ ᠤ ᠲᠤᠭᠲᠠᠭᠠᠯ ᠳᠦᠷᠢᠮ ᠳᠤ ᠭᠠᠷ ᠤᠨ ᠦᠰᠦᠭ ᠵᠢᠷᠤᠵᠤ ᠨᠡᠶᠢᠲᠡᠯᠡᠭᠰᠡᠨ ᠤ ᠳᠠᠷᠠᠭ᠎ᠠ᠂ ︽ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠮᠡᠳᠡᠭᠡ︾ ︽ᠥᠪᠥᠷ ᠮᠤᠩᠭᠤᠯ ᠤᠨ ᠡᠳᠦᠷ ᠤᠨ ᠰᠤᠨᠢᠨ︾ ᠪᠤᠯᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠤ ᠫᠤᠷᠲ᠋ᠧᠯ ᠰᠦᠯᠵᠢᠶᠡᠨ ᠳᠤ ᠨᠡᠶᠢᠲᠡᠯᠡᠬᠦ ᠬᠡᠷᠡᠭᠲᠡᠢ᠃ ᠨᠡᠶᠢᠲᠡᠯᠡᠬᠦ ᠳᠤ ᠪᠠᠨ ᠮᠤᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠬᠡᠷᠡᠭᠯᠡᠬᠦ ᠬᠡᠷᠡᠭᠲᠡᠢ᠃ ︽ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠮᠡᠳᠡᠭᠡ︾ ᠳᠡᠭᠡᠷ᠎ᠡ ᠨᠡᠶᠢᠲᠡᠯᠡᠭᠰᠡᠨ ᠵᠠᠰᠠᠭ ᠤᠨ ᠣᠷᠳᠤᠨ ᠤ ᠲᠤᠭᠲᠠᠭᠠᠯ ᠳᠥᠷᠢᠮ ᠤᠨ ᠪᠢᠴᠢᠭᠯᠡᠭᠰᠡᠨ ᠮᠠᠲ᠋ᠧᠷᠢᠶᠠᠯ ᠢᠶᠠᠷ ᠪᠠᠷᠢᠮᠵᠢᠶ᠎ᠠ ᠪᠢᠴᠢᠭᠯᠡᠭᠰᠡᠨ ᠮᠠᠲ᠋ᠧᠷᠢᠶᠠᠯ ᠪᠣᠯᠭᠠᠨ᠎ᠠ᠃      ᠭᠤᠴᠢᠨ ᠲᠠᠪᠤᠳᠤᠭᠠᠷ ᠵᠦᠢᠯ ᠵᠠᠰᠠᠭ ᠤᠨ ᠣᠷᠳᠤᠨ ᠤ ᠲᠤᠭᠲᠠᠭᠠᠯ ᠳᠥᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠨ ᠭᠤᠴᠢᠨ ᠡᠳᠦᠷ ᠤᠨ ᠳᠠᠷᠠᠭ᠎ᠠ ᠬᠡᠷᠡᠭᠵᠢᠭᠦᠯᠬᠦ ᠬᠡᠷᠡᠭᠲᠡᠢ︔ ᠤᠯᠤᠰ ᠤᠨ ᠠᠮᠤᠷ ᠲᠥᠪᠰᠢᠨ ᠲᠠᠢ ᠬᠤᠯᠪᠤᠭᠳᠠᠭᠰᠠᠨ ᠪᠤᠶᠤ ᠨᠡᠶᠢᠲᠡᠯᠡᠭᠰᠡᠨ ᠤ ᠳᠠᠷᠠᠭ᠎ᠠ ᠳᠠᠷᠤᠢ ᠲᠦᠷᠭᠡᠨ ᠬᠡᠷᠡᠭᠵᠢᠭᠦᠯᠬᠦ ᠦᠭᠡᠢ ᠪᠣᠯ ᠵᠠᠰᠠᠭ ᠤᠨ ᠣᠷᠳᠤᠨ ᠤ ᠲᠤᠭᠲᠠᠭᠠᠯ ᠳᠥᠷᠢᠮ ᠢ ᠬᠡᠷᠡᠭᠵᠢᠭᠦᠯᠬᠦ ᠶᠢ ᠬᠠᠷᠰᠢᠯᠠᠬᠤ ᠵᠡᠷᠭᠡ ᠬᠠᠤᠯᠢ ᠳᠤ ᠲᠤᠭᠲᠠᠭᠠᠭᠰᠠᠨ ᠪᠠᠶᠢᠳᠠᠯ ᠲᠠᠢ ᠪᠠᠶᠢᠪᠠᠯ᠂ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ ᠪᠤᠯᠤᠨ᠎ᠠ᠃      ᠵᠢᠷᠭᠤᠳᠤᠭᠠᠷ ᠪᠦᠯᠦᠭ ᠪᠦᠷᠢᠳᠭᠡᠨ ᠳᠠᠩᠰᠠᠯᠠᠬᠤ᠂ ᠲᠠᠶᠢᠯᠪᠤᠷᠢᠯᠠᠬᠤ ᠪᠠ ᠦᠨᠡᠯᠡᠨ ᠵᠢᠱᠢᠬᠦ      ᠭᠤᠴᠢᠨ ᠵᠢᠷᠭᠤᠳᠤᠭᠠᠷ ᠵᠦᠢᠯ ᠵᠠᠰᠠᠭ ᠤᠨ ᠣᠷᠳᠤᠨ ᠤ ᠲᠤᠭᠲᠠᠭᠠᠯ ᠳᠥᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠨ ᠭᠤᠴᠢᠨ ᠡᠳᠦᠷ ᠤᠨ ᠲᠣᠳᠤᠷ᠎ᠠ᠂ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠲᠥᠷᠥ ᠶᠢᠨ ᠶᠠᠪᠤᠳᠠᠯ ᠤᠨ ᠬᠤᠷᠢᠶ᠎ᠠ ᠪᠤᠯᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠪᠦᠷᠢᠳᠭᠡᠨ ᠳᠠᠩᠰᠠᠯᠠᠭᠤᠯᠬᠤ ᠬᠡᠷᠡᠭᠲᠡᠢ᠃      ᠭᠤᠴᠢᠨ ᠳᠤᠯᠤᠳᠤᠭᠠᠷ ᠵᠦᠢᠯ ᠵᠠᠰᠠᠭ ᠤᠨ ᠣᠷᠳᠤᠨ ᠤ ᠲᠤᠭᠲᠠᠭᠠᠯ ᠳᠥᠷᠢᠮ ᠤᠨ ᠳᠠᠶᠢᠯᠪᠤᠷᠢᠯᠠᠬᠤ ᠡᠷᠬᠡ ᠨᠢ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠳᠤ ᠬᠠᠷᠢᠶᠠᠯᠠᠭᠳᠠᠨ᠎ᠠ᠃      ᠵᠠᠰᠠᠭ ᠤᠨ ᠣᠷᠳᠤᠨ ᠤ ᠲᠤᠭᠲᠠᠭᠠᠯ ᠳᠥᠷᠢᠮ ᠤᠨ ᠲᠣᠭᠲᠠᠭᠠᠯ ᠨᠢ ᠪᠤᠲᠠᠲᠠᠢ ᠠᠭᠤᠯᠭ᠎ᠠ ᠶᠢ ᠤᠯᠠᠮ ᠨᠢᠭᠡ ᠠᠯᠬᠤᠮ ᠳᠤᠳᠤᠷᠬᠠᠶᠢᠯᠠᠬᠤ ᠪᠤᠶᠤ ᠵᠠᠰᠠᠭ ᠤᠨ ᠤᠷᠳᠤᠨ ᠤ ᠲᠤᠭᠲᠠᠭᠠᠯ ᠳᠥᠷᠢᠮ ᠢ ᠲᠤᠭᠲᠠᠭᠠᠭᠰᠠᠨ ᠤ ᠳᠠᠷᠠᠭ᠎ᠠ ᠰᠢᠨ᠎ᠡ ᠪᠠᠶᠢᠳᠠᠯ ᠭᠠᠷᠴᠦ᠂ ᠵᠠᠰᠠᠭ ᠤᠨ ᠤᠷᠳᠤᠨ ᠤ ᠲᠤᠭᠲᠠᠭᠠᠯ ᠳᠥᠷᠢᠮ ᠢ ᠲᠤᠬᠢᠷᠠᠭᠤᠯᠤᠨ ᠬᠡᠷᠡᠭᠯᠡᠬᠦ ᠦᠨᠳᠦᠰᠦᠯᠡᠯ ᠢ ᠳᠤᠳᠤᠷᠬᠠᠶᠢᠯᠠᠬᠤ ᠴᠢᠬᠤᠯᠠ ᠲᠠᠢ ᠪᠠᠶᠢᠪᠠᠯ᠂ ᠵᠠᠰᠠᠭ ᠤᠨ ᠤᠷᠳᠤᠨ ᠤ ᠲᠤᠭᠲᠠᠭᠠᠯ ᠳᠥᠷᠢᠮ ᠢ ᠬᠡᠷᠡᠭᠵᠢᠭᠦᠯᠦᠭᠰᠡᠨ ᠪᠠᠶᠢᠭᠤᠯᠭ᠎ᠠ ᠠᠴᠠ ᠲᠠᠶᠢᠯᠪᠤᠷᠢᠯᠠᠬᠤ ᠰᠠᠨᠠᠯ ᠭᠠᠷᠭᠠᠬᠤ ᠶᠢᠨ ᠬᠠᠮᠲᠤ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠣᠷᠳᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠢᠶᠠᠷ ᠬᠢᠨᠠᠨ ᠪᠠᠶᠢᠴᠠᠭᠠᠯᠭᠠᠨ᠎ᠠ᠂ ᠪᠠᠰᠠ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠰᠢᠭᠤᠳ ᠰᠠᠨᠠᠯ ᠭᠠᠷᠭᠠᠵᠤ᠂ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠦᠨ ᠳᠡᠪᠰᠢᠭᠦᠯᠵᠦ ᠵᠦᠪᠰᠢᠶᠡᠷᠡᠭᠦᠯᠦᠭᠰᠡᠨ ᠤ ᠳᠠᠷᠠᠭ᠎ᠠ ᠨᠡᠶᠢᠳᠡᠯᠡᠭᠰᠡᠨ ᠴᠤ ᠪᠤᠯᠤᠨ᠎ᠠ᠃      ᠵᠠᠰᠠᠭ ᠤᠨ ᠤᠷᠳᠤᠨ ᠤ ᠲᠤᠭᠲᠠᠭᠠᠯ ᠳᠥᠷᠢᠮ ᠢ ᠲᠠᠶᠢᠯᠪᠤᠷᠢᠯᠠᠬᠤ ᠨᠢ ᠵᠠᠰᠠᠭ ᠤᠨ ᠤᠷᠳᠤᠨ ᠤ ᠲᠤᠭᠲᠠᠭᠠᠯ ᠳᠥᠷᠢᠮ ᠲᠠᠢ ᠠᠳᠠᠯᠢᠬᠠᠨ ᠬᠦᠴᠦᠨ ᠲᠠᠢ᠃      ᠭᠤᠴᠢᠨ ᠨᠠᠢᠮᠠᠳᠤᠭᠠᠷ ᠵᠦᠢᠯ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠨᠢ ᠵᠠᠰᠠᠭ ᠤᠨ ᠤᠷᠳᠤᠨ ᠤ ᠲᠤᠭᠲᠠᠭᠠᠯ ᠳᠥᠷᠢᠮ ᠪᠤᠶᠤ ᠵᠠᠰᠠᠭ ᠤᠨ ᠣᠷᠳᠤᠨ ᠤ ᠲᠤᠭᠲᠠᠭᠠᠯ ᠳᠥᠷᠢᠮ ᠤᠨ ᠬᠤᠯᠪᠤᠭᠳᠠᠯ ᠪᠦᠬᠦᠢ ᠲᠤᠭᠲᠠᠭᠠᠯ ᠳᠤ ᠬᠠᠤᠯᠢ ᠲᠤᠭᠲᠠᠭᠠᠯᠲᠠ ᠶᠢᠨ ᠳᠠᠷᠠᠭᠠᠬᠢ ᠦᠨᠡᠯᠡᠨ ᠵᠢᠱᠢᠯᠲᠡ ᠬᠢᠬᠦ ᠶᠢ ᠵᠤᠬᠢᠶᠠᠨ ᠪᠠᠶᠢᠭᠤᠯᠬᠤ ᠶᠢᠨ ᠬᠠᠮᠲᠤ ᠦᠨᠡᠯᠡᠨ ᠵᠢᠱᠢᠭᠰᠡᠨ ᠦᠷ᠎ᠡ ᠳ᠋ᠦᠩ ᠢᠶᠠᠨ ᠬᠤᠯᠪᠤᠭᠳᠠᠯ ᠪᠦᠬᠦᠢ ᠵᠠᠰᠠᠭ ᠤᠨ ᠤᠷᠳᠤᠨ ᠤ ᠲᠤᠭᠲᠠᠭᠠᠯ ᠳᠥᠷᠢᠮ ᠳᠤ ᠵᠠᠰᠠᠪᠤᠷᠢ ᠤᠷᠤᠭᠤᠯᠬᠤ᠂ ᠬᠦᠴᠦᠨ ᠦᠭᠡᠢ ᠪᠣᠯᠭᠠᠬᠤ ᠶᠢᠨ ᠴᠢᠬᠤᠯᠠ ᠯᠠᠪᠯᠠᠯᠲᠠ ᠪᠣᠯᠭᠠᠵᠤ ᠪᠤᠯᠤᠨ᠎ᠠ᠃      ᠭᠤᠴᠢ ᠶᠢᠰᠦᠳᠦᠭᠡᠷ ᠵᠦᠢᠯ ᠵᠠᠰᠠᠭ ᠤᠨ ᠣᠷᠳᠤᠨ ᠤ ᠲᠤᠭᠲᠠᠭᠠᠯ ᠳᠥᠷᠢᠮ ᠨᠢ ᠳᠤᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠵᠠᠰᠠᠭ ᠤᠨ ᠤᠷᠳᠤᠨ ᠤ ᠲᠤᠭᠲᠠᠭᠠᠯ ᠳᠥᠷᠢᠮ ᠢ ᠬᠡᠷᠡᠭᠵᠢᠭᠦᠯᠬᠦ ᠪᠠᠶᠢᠭᠤᠯᠭ᠎ᠠ ᠨᠢ ᠬᠠᠤᠯᠢ ᠲᠤᠭᠲᠠᠭᠠᠯᠲᠠ ᠶᠢᠨ ᠳᠠᠷᠠᠭᠠᠬᠢ ᠦᠨᠡᠯᠡᠨ ᠵᠢᠱᠢᠯᠲᠡ ᠶᠢ ᠦᠷᠨᠢᠭᠦᠯᠬᠦ ᠬᠡᠷᠡᠭᠲᠡᠢ᠃ ᠴᠢᠬᠤᠯᠠ ᠲᠠᠢ ᠦᠶᠡᠰ᠂ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠵᠠᠰᠠᠭ ᠤᠨ ᠤᠷᠳᠤᠨ ᠤ ᠲᠤᠭᠲᠠᠭᠠᠯ ᠳᠥᠷᠢᠮ ᠢ ᠬᠡᠷᠡᠭᠵᠢᠭᠦᠯᠬᠦ ᠪᠠᠶᠢᠭᠤᠯᠭ᠎ᠠ ᠲᠠᠢ ᠬᠠᠮᠲᠤ ᠪᠠᠷ ᠦᠨᠡᠯᠡᠨ ᠵᠢᠱᠢᠯᠲᠡ ᠦᠷᠨᠢᠭᠦᠯᠵᠣ ᠪᠣᠯᠤᠨ᠎ᠠ᠄      ︵ᠨᠢᠭᠡ︶ ᠤᠷᠤᠨ ᠨᠤᠲᠤᠭ ᠤᠨ ᠴᠢᠨᠠᠷᠲᠠᠢ ᠬᠠᠤᠯᠢ ᠲᠤᠭᠲᠠᠭᠠᠯ ᠪᠣᠯᠭᠠᠵᠤ ᠳᠡᠭᠡᠭᠰᠢᠯᠡᠭᠦᠯᠬᠦ ᠪᠠᠷ ᠪᠠᠶᠢᠬᠤ︔      ︵ᠬᠤᠶᠠᠷ︶ ᠴᠢᠬᠤᠯᠠ ᠶᠡᠭᠡ ᠵᠠᠰᠠᠪᠤᠷᠢ ᠤᠷᠤᠭᠤᠯᠬᠤ ᠪᠠᠷ ᠪᠠᠶᠢᠬᠤ︔      ︵ᠭᠤᠷᠪᠠ︶ ᠬᠦᠴᠦᠨ ᠦᠭᠡᠢ ᠪᠣᠯᠭᠠᠬᠤ ᠪᠠᠷ ᠪᠠᠶᠢᠭ᠎ᠠ ᠪᠤᠯᠪᠠᠴᠦ ᠨᠡᠯᠢᠶᠡᠳ ᠶᠡᠭᠡ ᠮᠠᠷᠭᠤᠭᠠᠨ ᠲᠠᠢ ᠪᠠᠶᠢᠬᠤ︔      ︵ᠳᠥᠷᠪᠡ︶ ᠠᠵᠤ ᠠᠬᠤᠢ ᠨᠡᠶᠢᠭᠡᠮ ᠤᠨ ᠬᠦᠭᠵᠢᠯᠲᠡ ᠪᠤᠶᠤ ᠣᠯᠠᠨ ᠨᠡᠶᠢᠲᠡ ᠶᠢᠨ ᠠᠰᠢᠭ ᠲᠤᠰᠠ ᠲᠠᠢ ᠨᠢᠭᠲᠠ ᠬᠤᠯᠪᠤᠭ᠎ᠠ ᠲᠠᠢ ᠪᠦᠭᠡᠳ ᠨᠢᠭᠡᠨᠲᠡ ᠬᠡᠷᠡᠭᠵᠢᠭᠦᠯᠦᠭᠡᠳ ᠪᠦᠭᠦᠯᠢ ᠲᠠᠪᠤᠨ ᠵᠢᠯ ᠪᠤᠯᠤᠭᠰᠠᠨ ᠪᠠᠶᠢᠬᠤ︔      ︵ᠲᠠᠪᠤ︶ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ ᠵᠢᠴᠢ ᠨᠡᠶᠢᠭᠡᠮ ᠨᠡᠶᠢᠲᠡ ᠪᠠᠷ ᠢᠶᠠᠨ ᠲᠤᠰᠬᠠᠭᠰᠠᠨ ᠠᠰᠠᠭᠤᠳᠠᠯ ᠨᠢ ᠨᠡᠯᠢᠶᠡᠳ ᠲᠦᠪᠯᠡᠷᠡᠩᠭᠦᠢ ᠪᠠᠶᠢᠬᠤ︔      ︵ᠵᠢᠷᠭᠤᠭ᠎ᠠ︶ ᠦᠨᠡᠯᠡᠨ ᠵᠢᠱᠢᠬᠦ ᠴᠢᠬᠤᠯᠠ ᠲᠠᠢ ᠪᠤᠰᠤᠳ ᠪᠠᠶᠢᠳᠠᠯ᠃      ᠵᠠᠰᠠᠭ ᠤᠨ ᠤᠷᠳᠤᠨ ᠤ ᠲᠤᠭᠲᠠᠭᠠᠯ ᠳᠥᠷᠢᠮ ᠢ ᠬᠡᠷᠡᠭᠵᠢᠭᠦᠯᠬᠦ ᠪᠠᠶᠢᠭᠤᠯᠭ᠎ᠠ ᠪᠤᠶᠤ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠬᠤᠯᠪᠤᠭᠳᠠᠯ ᠪᠦᠬᠦᠢ ᠲᠤᠰᠬᠠᠢ ᠮᠡᠷᠭᠡᠵᠢᠯᠲᠡᠨ᠂ ᠵᠢᠭᠠᠨ ᠰᠤᠷᠭᠠᠬᠤ ᠪᠠ ᠰᠢᠨᠵᠢᠯᠡᠬᠦ ᠤᠬᠠᠭᠠᠨ ᠤ ᠰᠤᠳᠤᠯᠤᠯ ᠤᠨ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠨᠠᠶᠢᠳᠠᠵᠤ ᠬᠠᠤᠯᠢ ᠲᠤᠭᠲᠠᠭᠠᠯᠲᠠ ᠶᠢᠨ ᠳᠠᠷᠠᠭᠠᠬᠢ ᠦᠨᠡᠯᠡᠨ ᠵᠢᠱᠢᠯᠲᠡ ᠬᠢᠯᠭᠡᠵᠦ ᠪᠤᠯᠤᠨ᠎ᠠ᠃      ᠳᠡᠭᠡᠳᠦ ᠪᠠᠶᠢᠷᠢ ᠶᠢᠨ ᠬᠠᠤᠯᠢ ᠳᠤ ᠲᠤᠬᠢᠷᠠᠭᠤᠯᠤᠯᠲᠠ ᠬᠢᠭᠰᠡᠨ ᠪᠤᠶᠤ ᠪᠠᠴᠢᠮ ᠪᠠᠶᠢᠳᠠᠯ ᠳᠣᠬᠢᠶᠠᠯᠳᠤᠭᠰᠠᠨ ᠠᠴᠠ ᠪᠣᠯᠵᠤ ᠵᠠᠰᠠᠭ ᠤᠨ ᠤᠷᠳᠤᠨ ᠤ ᠲᠤᠭᠲᠠᠭᠠᠯ ᠳᠥᠷᠢᠮ ᠳᠤ ᠵᠠᠰᠠᠪᠤᠷᠢ ᠤᠷᠤᠭᠤᠯᠬᠤ ᠴᠢᠬᠤᠯᠠ ᠲᠠᠢ ᠪᠣᠯ᠂ ᠬᠠᠤᠯᠢ ᠲᠤᠭᠲᠠᠭᠠᠯᠲᠠ ᠶᠢᠨ ᠳᠠᠷᠠᠭᠠᠬᠢ ᠦᠨᠡᠯᠡᠨ ᠵᠢᠱᠢᠯᠲᠡ ᠶᠢ ᠦᠷᠨᠢᠭᠦᠯᠬᠦ ᠦᠭᠡᠢ ᠪᠠᠶᠢᠵᠤ ᠴᠤ ᠪᠤᠯᠤᠨ᠎ᠠ      ᠳᠦᠴᠢᠳᠦᠭᠡᠷ ᠵᠦᠢᠯ ᠬᠠᠤᠯᠢ ᠲᠤᠭᠲᠠᠭᠠᠯᠲᠠ ᠶᠢᠨ ᠳᠠᠷᠠᠭᠠᠬᠢ ᠦᠨᠡᠯᠡᠨ ᠵᠢᠱᠢᠯᠲᠡ ᠨᠢ ᠵᠠᠰᠠᠭ ᠤᠨ ᠤᠷᠳᠤᠨ ᠤ ᠲᠤᠭᠲᠠᠭᠠᠯ ᠳᠦᠷᠢᠮ ᠤᠨ ᠬᠠᠤᠯᠢ ᠲᠤᠭᠲᠠᠭᠠᠯᠲᠠ ᠶᠢᠨ ᠴᠢᠨᠠᠷ ᠴᠢᠨᠰᠠᠭ᠎ᠠ᠂ ᠬᠡᠷᠡᠭᠵᠢᠭᠦᠯᠦᠭᠰᠡᠨ ᠠᠮᠵᠢᠯᠳᠠ ᠪᠦᠲᠦᠮᠵᠢ᠂ ᠣᠷᠤᠰᠢᠵᠤ ᠪᠠᠶᠢᠭ᠎ᠠ ᠠᠰᠠᠭᠤᠳᠠᠯ ᠵᠢᠴᠢ ᠨᠦᠯᠦᠭᠡ ᠲᠤᠰᠬᠠᠯ ᠵᠡᠷᠭᠡ ᠳᠤ ᠪᠠᠶᠢᠴᠠᠭᠠᠨ ᠰᠤᠳᠤᠯᠤᠯᠲᠠ ᠪᠠ ᠦᠨᠡᠯᠡᠯᠲᠡ ᠬᠢᠵᠦ᠂ ᠦᠷᠭᠦᠯᠵᠢᠯᠡᠨ ᠬᠡᠷᠡᠭᠵᠢᠭᠦᠯᠬᠦ᠂ ᠵᠠᠰᠠᠪᠤᠷᠢ ᠤᠷᠤᠭᠤᠯᠬᠤ ᠪᠤᠶᠤ ᠬᠦᠴᠦᠨ ᠦᠭᠡᠢ ᠪᠣᠯᠭᠠᠬᠤ ᠰᠠᠨᠠᠭᠤᠯᠭ᠎ᠠ ᠳᠤᠷᠠᠳᠴᠦ᠂ ᠬᠠᠤᠯᠢ ᠲᠤᠭᠲᠠᠭᠠᠯᠲᠠ ᠶᠢᠨ ᠳᠠᠷᠠᠭᠠᠬᠢ ᠦᠨᠡᠯᠡᠨ ᠵᠢᠱᠢᠯᠲᠡ ᠶᠢᠨ ᠮᠡᠳᠡᠭᠦᠯᠦᠯᠲᠡ ᠪᠣᠯᠭᠠᠵᠤ ᠪᠦᠷᠢᠯᠳᠦᠭᠦᠯᠬᠦ ᠬᠡᠷᠡᠭᠲᠡᠢ᠃     ᠳᠦᠴᠢᠨ ᠨᠢᠭᠡᠳᠦᠭᠡᠷ ᠵᠦᠢᠯ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠨᠢ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠂ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠵᠢᠴᠢ ᠳᠡᠭᠡᠳᠦ ᠪᠠᠶᠢᠷᠢ ᠶᠢᠨ ᠬᠠᠤᠯᠢ ᠶᠢ ᠲᠤᠭᠲᠠᠭᠠᠬᠤ᠂ ᠵᠠᠰᠠᠪᠤᠷᠢ ᠤᠷᠤᠭᠤᠯᠬᠤ᠂ ᠬᠦᠴᠦᠨ ᠦᠭᠡᠢ ᠪᠣᠯᠭᠠᠭᠰᠠᠨ ᠪᠠᠶᠢᠳᠠᠯ ᠢ ᠦᠨᠳᠦᠰᠦᠯᠡᠵᠦ᠂ ᠵᠠᠰᠠᠭ ᠤᠨ ᠤᠷᠳᠤᠨ ᠤ ᠲᠤᠭᠲᠠᠭᠠᠯ ᠳᠦᠷᠢᠮ ᠢ ᠢᠯᠭᠠᠷᠠᠭᠤᠯᠬᠤ ᠠᠵᠢᠯ ᠢ ᠴᠠᠭ ᠲᠤᠬᠠᠢ ᠳᠤ ᠨᠢ ᠵᠤᠬᠢᠶᠠᠨ ᠪᠠᠶᠢᠭᠤᠯᠵᠤ ᠦᠷᠨᠢᠭᠦᠯᠬᠦ ᠬᠡᠷᠡᠭᠲᠡᠢ᠃     ᠲᠦᠴᠢᠨ ᠬᠤᠶᠠᠳᠤᠭᠠᠷ ᠵᠦᠢᠯ ᠵᠠᠰᠠᠭ ᠤᠨ ᠤᠷᠳᠤᠨ ᠤ ᠲᠤᠭᠲᠠᠭᠠᠯ ᠳᠦᠷᠢᠮ ᠳᠤ ᠳᠤᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠨᠢ ᠵᠠᠰᠠᠪᠤᠷᠢ ᠤᠷᠤᠭᠤᠯᠬᠤ ᠪᠠ ᠬᠦᠴᠦᠨ ᠦᠭᠡᠢ ᠪᠣᠯᠭᠠᠬᠤ ᠰᠠᠨᠠᠭᠤᠯᠭ᠎ᠠ ᠶᠢ ᠳᠠᠷᠤᠢ ᠲᠦᠷᠭᠡᠨ ᠳᠤᠷᠠᠳᠤᠨ ᠭᠠᠷᠭᠠᠬᠤ ᠬᠡᠷᠡᠭᠲᠡᠢ᠄      ︵ᠨᠢᠭᠡ︶ ᠰᠢᠨ᠎ᠡ ᠪᠠᠷ ᠲᠤᠭᠲᠠᠭᠠᠭᠰᠠᠨ ᠳᠡᠭᠡᠳᠦ ᠪᠠᠶᠢᠷᠢ ᠶᠢᠨ ᠬᠠᠤᠯᠢ ᠲᠠᠢ ᠬᠠᠷᠰᠢᠯᠳᠤᠬᠤ ᠪᠤᠶᠤ ᠦᠨᠳᠦᠰᠦᠯᠡᠵᠦ ᠪᠠᠶᠢᠭᠰᠠᠨ ᠳᠡᠭᠡᠳᠦ ᠪᠠᠶᠢᠷᠢ ᠶᠢᠨ ᠬᠠᠤᠯᠢ ᠳᠤ ᠨᠢᠭᠡᠨᠲᠡ ᠵᠠᠰᠠᠪᠤᠷᠢ ᠤᠷᠤᠭᠤᠯᠤᠭᠰᠠᠨ ᠪᠤᠶᠤ ᠬᠦᠴᠦᠨ ᠦᠭᠡᠢ ᠪᠤᠯᠭᠠᠭᠰᠠᠨ ᠪᠠᠶᠢᠬᠤ︔      ︵ᠬᠤᠶᠠᠷ︶ ᠭᠤᠤᠯ ᠪᠤᠯᠬᠤ ᠠᠭᠤᠯᠭ᠎ᠠ ᠨᠢ ᠰᠢᠨ᠎ᠡ ᠪᠠᠷ ᠨᠡᠶᠢᠲᠡᠯᠡᠭᠰᠡᠨ ᠬᠠᠤᠯᠢ ᠴᠠᠭᠠᠵᠠ᠂ ᠬᠠᠤᠯᠢ ᠲᠤᠭᠲᠠᠭᠠᠯ ᠢᠶᠠᠷ ᠤᠷᠤᠯᠠᠭᠳᠠᠭᠰᠠᠨ ᠪᠠᠶᠢᠬᠤ︔      ︵ᠭᠤᠷᠪᠠ︶ ᠲᠤᠬᠢᠷᠠᠭᠤᠯᠤᠯᠲᠠ ᠬᠢᠬᠦ ᠡᠲᠡᠭᠡᠳ ᠨᠢ ᠨᠢᠭᠡᠨᠲᠡ ᠠᠷᠢᠯᠤᠭᠰᠠᠨ ᠪᠤᠶᠤ ᠬᠤᠪᠢᠷᠠᠯᠳᠠ ᠭᠠᠷᠤᠭᠰᠠᠨ ᠪᠠᠶᠢᠬᠤ︔      ︵ᠳᠥᠷᠪᠡ︶ ᠬᠡᠷᠡᠭᠵᠢᠭᠦᠯᠵᠦ ᠪᠠᠶᠢᠭ᠎ᠠ ᠭᠤᠣᠯ ᠴᠤᠭᠴᠠ ᠳᠤ ᠬᠤᠪᠢᠷᠠᠯᠲᠠ ᠭᠠᠷᠤᠭᠰᠠᠨ ᠪᠠᠶᠢᠬᠤ︔      ︵ᠲᠠᠪᠤ︶ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠲᠤᠬᠢᠷᠠᠯᠴᠠᠬᠤ ᠦᠭᠡᠢ ᠪᠤᠯᠤᠨᠨᠰᠠᠨ ᠪᠠᠶᠢᠬᠤ︔      ︵ᠵᠢᠷᠭᠤᠭ᠎ᠠ︶ ᠵᠠᠰᠠᠪᠤᠷᠢ ᠤᠷᠤᠭᠤᠯᠬᠤ᠂ ᠬᠦᠴᠦᠨ ᠦᠭᠡᠢ ᠪᠣᠯᠭᠠᠬᠤ ᠴᠢᠬᠤᠯᠠ ᠲᠠᠢ ᠪᠤᠰᠤᠳ ᠪᠠᠶᠢᠳᠠᠯ᠃      ᠳᠤᠯᠤᠳᠤᠭᠠᠷ ᠪᠦᠯᠦᠭ ᠳᠠᠭᠠᠯᠳᠤᠭᠤᠯᠤᠯ ᠳᠦᠷᠢᠮ      ᠳᠦᠴᠢᠨ ᠭᠤᠷᠪᠠᠳᠤᠭᠠᠷ ᠵᠦᠢᠯ ᠵᠠᠰᠠᠭ ᠤᠨ ᠣᠷᠳᠤᠨ ᠤ ᠲᠤᠭᠲᠠᠭᠠᠯ ᠳᠦᠷᠢᠮ ᠳᠤ ᠵᠠᠰᠠᠪᠤᠷᠢ ᠤᠷᠤᠭᠤᠯᠬᠤ᠂ ᠬᠦᠴᠦᠨ ᠦᠭᠡᠢ ᠪᠣᠯᠭᠠᠬᠤ ᠲᠡᠰ ᠲᠠᠷᠠᠭᠠᠯᠠᠯ ᠳᠤ ᠲᠤᠰ ᠲᠤᠭᠲᠠᠭᠠᠯ ᠢ ᠲᠣᠬᠢᠷᠠᠭᠤᠯᠤᠨ ᠬᠡᠷᠡᠭᠯᠡᠨ᠎ᠡ᠃      ᠲᠦᠴᠢᠨ ᠳᠦᠷᠪᠡᠳᠦᠭᠡᠷ ᠵᠦᠢᠯ ᠲᠤᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠤᠨ ᠨᠢ ᠤᠷᠤᠨ ᠨᠤᠲᠤᠭ ᠤᠨ ᠴᠢᠨᠠᠷᠲᠠᠢ ᠬᠠᠤᠯᠢ ᠲᠤᠭᠲᠠᠭᠠᠯ ᠤᠨ ᠲᠦᠰᠦᠯ ᠪᠠ ᠵᠠᠰᠠᠭ ᠤᠨ ᠣᠷᠳᠤᠨ ᠤ ᠲᠤᠭᠲᠠᠭᠠᠯ ᠳᠦᠷᠢᠮ ᠢ ᠲᠤᠭᠲᠠᠭᠠᠬᠤ ᠳᠤ᠂ ᠲᠤᠰ ᠲᠤᠭᠲᠠᠭᠠᠯ ᠢᠶᠠᠷ ᠯᠠᠪᠯᠠᠯᠲᠠ ᠪᠤᠯᠭᠠᠵᠤ ᠬᠡᠷᠡᠭᠵᠢᠭᠦᠯᠬᠦ ᠬᠡᠷᠡᠭᠲᠡᠢ᠃      ᠲᠦᠴᠢᠨ ᠲᠠᠪᠤᠳᠤᠭᠠᠷ ᠵᠦᠢᠯ ᠲᠤᠰ ᠲᠤᠭᠳᠠᠭᠠᠯ ᠢ 2020 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ 1998 ᠣᠨ ᠤ 10 ᠳ᠋ᠤᠭᠠᠷ ᠰᠠᠷ᠎ᠠ ᠶᠢᠨ 29 ᠤ ᠡᠳᠦᠷ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠤᠷᠤᠨ ᠨᠤᠲᠤᠭ ᠤᠨ ᠴᠢᠨᠠᠷᠲᠠᠢ ᠬᠠᠤᠯᠢ ᠲᠤᠭᠲᠠᠭᠠᠯ ᠤᠨ ᠲᠦᠰᠦᠯ ᠪᠠ ᠲᠤᠭᠲᠠᠭᠠᠯ ᠳᠦᠷᠢᠮ ᠢ ᠲᠤᠭᠲᠠᠭᠠᠬᠤ ᠲᠤᠭᠲᠠᠭᠠᠯ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠷᠯᠢᠭ 91 ᠳ᠋ᠤᠭᠡᠷ ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃  
        ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ