ᠥᠪᠥᠷ ᠵᠠᠰᠠᠭ ᠲᠠᠷᠬᠠᠭᠠᠭᠰᠠᠨ ﹇2019﹈ 17 ᠳ᠋ᠤᠭᠠᠷ ᠲᠤᠭᠠᠳᠤ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ ᠳᠤ᠄ | ︽ᠨᠠᠩ ᠶᠡᠭᠡ ᠬᠡᠪᠴᠢᠶᠠᠨ ᠳᠤ ᠭᠠᠶᠢᠯᠢ ᠬᠠᠰᠤᠵᠦ ᠰᠦᠢᠳᠬᠡᠯ ᠪᠠᠭᠤᠷᠠᠭᠤᠯᠬᠤ ᠶᠢ ᠬᠡᠷᠡᠭᠵᠢᠭᠦᠯᠦᠭᠰᠡᠨ ᠤ ᠳᠠᠷᠠᠭ᠎ᠠ ᠲᠥᠪ ᠤᠨ ᠪᠠ ᠣᠷᠣᠨ ᠨᠤᠲᠤᠭ ᠤᠨ | ᠣᠷᠣᠯᠭ᠎ᠠ ᠶᠢᠨ ᠬᠤᠪᠢᠶᠠᠷᠢᠯᠠᠯᠳᠠ ᠳᠤ ᠲᠣᠬᠢᠷᠠᠭᠤᠯᠣᠯᠳᠠ ᠬᠢᠭᠦ ᠠᠵᠢᠯ ᠤᠨ ᠥᠭᠡᠷᠡᠴᠢᠯᠡᠯᠲᠡ ᠶᠢ ᠠᠬᠢᠭᠤᠯᠬᠤ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ | ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠳᠠᠷᠬᠠᠭᠠᠭᠰᠠᠨ ﹇2019﹈ 21 ᠳ᠋ᠤᠭᠡᠷ ᠲᠣᠭᠠᠲᠤ︶ ᠤᠨ ᠵᠣᠷᠢᠭ ᠰᠠᠨᠠᠭ᠎ᠠ ᠶᠢ ᠲᠣᠭᠤᠰᠢᠯᠠᠭᠤᠯᠣᠨ | ᠨᠠᠶᠢᠳᠠᠪᠣᠷᠢᠵᠢᠭᠤᠯᠬᠤ ᠶᠢᠨ ᠲᠤᠰᠠᠳᠠ᠂ ᠡᠳᠦᠭᠡ ᠥᠪᠡᠷᠲᠡᠭᠡᠨ ᠵᠠᠰᠠᠬᠤ ᠣᠷᠣᠨ ᠬᠢᠭᠡᠣᠨ ᠠᠶᠢᠮᠠᠭ ᠬᠤᠲᠠ ᠶᠢᠨ ᠣᠷᠣᠯᠭ᠎ᠠ ᠶᠢᠨ ᠬᠤᠪᠢᠶᠠᠷᠢᠯᠠᠯᠳᠠ ᠶᠢᠨ ᠬᠤᠯᠪᠣᠭᠳᠠᠯ | ᠪᠥᠬᠦᠶ ᠣᠴᠢᠷ ᠢ ᠲᠣᠳᠣᠷᠬᠠᠶᠢᠯᠠᠬᠤ ᠪᠠᠷ ᠳᠣᠤᠷᠠᠬᠢ ᠮᠡᠲᠦ ᠮᠡᠳᠡᠭᠳᠡᠶ᠎ᠡ᠃ | ᠨᠢᠭᠡ᠂ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠤᠪᠢᠳᠠᠬᠤ ᠥᠷᠲᠡᠭ ᠨᠡᠮᠡᠭᠳᠡᠯ ᠤᠨ ᠭᠠᠶᠢᠯᠢ ᠶᠢᠨ ᠬᠠᠷᠢᠴᠠᠯ ᠤᠨ ᠲᠣᠭᠲᠠᠭᠤᠨ | ᠪᠠᠶᠢᠬᠤ ᠶᠢ ᠪᠠᠲᠤᠯᠠᠬᠤ ᠬᠡᠷᠩᠳᠠᠢ 365赢多少钱会被限额_国内有真正的365平台吗_365bet博彩官网 | ︽ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠲᠤᠷᠰᠢᠯᠲᠠ ᠶᠢᠨ ᠴᠡᠭ ᠢ ᠪᠥᠬᠦ ᠲᠠᠯ᠎ᠠ ᠪᠠᠷ ᠶᠠᠪᠤᠨᠨᠳᠠᠭᠤᠯᠤᠨᠨᠰᠠᠨ ᠤ | ᠳᠠᠷᠠᠭ᠎ᠠ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠥᠷᠲᠡᠭ ᠨᠡᠮᠡᠭᠳᠠᠯ ᠤᠨ ᠭᠠᠶᠢᠯᠢ ᠶᠢᠨ ᠣᠷᠣᠯᠭ᠎ᠠ ᠶᠢᠨ ᠬᠤᠪᠢᠶᠠᠷᠢᠯᠠᠯᠳᠠ ᠳᠤ ᠲᠣᠬᠢᠷᠠᠭᠤᠯᠣᠯᠳᠠ | ᠬᠢᠭᠦ ᠰᠢᠯᠵᠢᠯᠲᠡ ᠶᠢᠨ ᠲᠥᠰᠦᠯ ᠢ ᠳᠠᠷᠤᠮᠠᠯᠯᠠᠨ ᠶᠠᠪᠣᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2017﹈ 34 ᠳ᠋ᠤᠭᠡᠷ ᠲᠣᠭᠠᠲᠤ︶ ᠳᠤ ᠲᠣᠭᠲᠠᠭᠠᠭᠰᠠᠨ 2 ᠠᠴᠠ 3 ᠵᠢᠯ ᠤᠨ ᠰᠢᠯᠵᠢᠯᠲᠡ ᠶᠢᠨ ᠬᠤᠭᠤᠴᠠᠭ᠎ᠠ ᠨᠢ | 2019 ᠣᠨ ᠤ ᠰᠡᠭᠦᠯᠴᠢ ᠪᠤᠯᠬᠤ ᠳᠤ ᠬᠤᠭᠤᠴᠠᠭ᠎ᠠ ᠨᠢ ᠲᠤᠯᠬᠤ ᠪᠣᠯᠤᠨ᠎ᠠ᠃ ᠲᠥᠷᠥ ᠲᠠᠷᠬᠠᠭᠠᠭᠰᠠᠨ ﹇2019﹈ 21 ᠳ᠋ᠤᠭᠡᠷ ᠲᠣᠭᠠᠲᠤ ᠪᠢᠴᠢᠭ | ᠮᠠᠲ᠋ᠧᠷᠢᠶᠠᠯ ᠳᠠᠬᠢ ︽ᠣᠳᠣ ᠶᠢᠨ ᠪᠠᠶᠢᠭ᠎ᠠ ᠡᠳ᠋ ᠤᠨ ᠬᠦᠴᠦᠨ ᠤ ᠪᠠᠶᠢᠷᠢᠰᠢᠯ ᠤᠨ ᠶᠡᠷᠦᠩᠬᠡᠶ ᠳᠤ ᠪᠠᠨ ᠲᠣᠭᠲᠠᠭᠤᠨ ᠪᠠᠶᠢᠬᠤ ᠶᠢ ᠪᠠᠲᠤᠯᠠᠬᠤ︾ ᠱᠠᠭᠠᠷᠳᠠᠯᠭ᠎ᠠ ᠶᠣᠰᠣᠭᠠᠷ | ᠂ ᠥᠪᠡᠷᠲᠡᠭᠡᠨ ᠵᠠᠰᠠᠬᠤ ᠣᠷᠣᠨ ᠤ ᠬᠤᠪᠢᠳᠠᠨ ᠦᠯᠡᠳᠡᠭᠡᠭᠰᠡᠨ ᠥᠷᠲᠡᠭ ᠨᠡᠮᠡᠭᠳᠡᠯ ᠤᠨ ᠭᠠᠶᠢᠯᠢ ᠶᠢᠨ 50% ᠶᠢᠨ ᠬᠡᠰᠡᠭ ᠲᠤ᠂ ᠥᠪᠡᠷᠲᠡᠭᠡᠨ ᠵᠠᠰᠠᠬᠤ ᠣᠷᠣᠨ ᠤ | ᠲᠣᠰ ᠱᠠᠲᠤ ᠬᠢᠭᠡᠳ ᠠᠶᠢᠮᠠᠭ ᠬᠤᠲᠠ ᠶᠢᠨ ᠤᠤᠯ ᠤᠨ ᠬᠤᠪᠢᠶᠠᠷᠢᠯᠠᠭᠰᠠᠨ ᠬᠠᠷᠢᠴᠠᠯ ᠶᠣᠰᠣᠭᠠᠷ ᠦᠷᠭᠦᠯᠵᠢᠯᠡᠨ ᠬᠡᠷᠡᠭᠵᠢᠭᠦᠯᠦᠨ᠎ᠡ᠂ ᠲᠤᠬᠠᠶᠢᠯᠠᠪᠠᠯ ᠥᠪᠡᠷᠲᠡᠭᠡᠨ | ᠵᠠᠰᠠᠬᠤ ᠣᠷᠣᠨ ᠤ ᠲᠣᠰ ᠱᠠᠳᠤᠨ ᠳᠤ 30% ᠬᠤᠪᠢᠳᠠᠵᠦ᠂ ᠠᠶᠢᠮᠠᠭ ᠬᠤᠲᠠ ᠨᠢ ᠭᠠᠶᠢᠯᠢ ᠲᠤᠰᠢᠶᠠᠬᠤ ᠭᠠᠵᠠᠷ ᠢᠶᠠᠷ 70% ᠬᠤᠪᠢᠳᠠᠬᠤ ᠬᠡᠷᠡᠭᠳᠡᠢ᠃ | ᠬᠤᠶᠠᠷ᠂ ᠦᠷᠳᠡᠭ ᠨᠡᠮᠡᠭᠳᠡᠯ ᠤᠨ ᠭᠠᠶᠢᠯᠢ ᠳᠤ ᠦᠯᠡᠳᠡᠬᠡᠵᠦ ᠲᠤᠯᠭᠠᠨ ᠰᠠᠭᠤᠯᠭᠠᠬᠤ ᠪᠠᠷ ᠪᠤᠴᠠᠭᠠᠬᠤ ᠭᠠᠶᠢᠯᠢ ᠶᠢ ᠬᠤᠪᠢᠶᠠᠨ ᠡᠭᠦᠷᠭᠡᠯᠡᠬᠦ ᠲᠣᠭᠲᠠᠴᠠ ᠶᠢ | ᠲᠣᠬᠢᠷᠠᠭᠤᠯᠤᠨ ᠲᠡᠭᠦᠯᠳᠡᠷᠵᠢᠭᠦᠯᠭᠦ ᠬᠡᠷᠡᠭᠳᠠᠢ | ᠥᠷᠲᠡᠭ ᠨᠡᠮᠡᠭᠳᠡᠯ ᠤᠨ ᠭᠠᠶᠢᠯᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠦᠯᠡᠳᠡᠬᠡᠵᠦ ᠲᠤᠯᠭᠠᠨ ᠰᠠᠭᠤᠯᠭᠠᠬᠤ ᠪᠠᠷ ᠪᠤᠴᠠᠭᠠᠬᠤ ᠭᠠᠶᠢᠯᠢ ᠶᠢᠨ ᠤᠷᠲᠤ | ᠬᠤᠭᠤᠴᠠᠭᠠᠨ ᠤ ᠪᠦᠲᠦᠮᠵᠢᠳᠠᠢ ᠲᠣᠭᠲᠠᠴᠠ ᠶᠢ ᠪᠠᠶᠢᠭᠤᠯᠬᠤ ᠳᠠᠯ᠎ᠠ ᠪᠠᠷ ᠬᠢ ᠲᠦᠪ ᠤᠨ ᠱᠠᠭᠠᠷᠳᠠᠯᠭ᠎ᠠ ᠶᠣᠰᠣᠭᠠᠷ᠂ ᠥᠷᠲᠡᠭ ᠨᠡᠮᠡᠭᠳᠡᠯ ᠤᠨ ᠭᠠᠶᠢᠯᠢ ᠳᠤ ᠦᠯᠡᠳᠡᠬᠡᠵᠦ | ᠲᠤᠯᠭᠠᠨ ᠰᠠᠭᠤᠯᠭᠠᠬᠤ ᠪᠠᠷ ᠪᠣᠴᠠᠭᠠᠬᠤ ᠭᠠᠶᠢᠯᠢ ᠶᠢᠨ ᠥᠪᠡᠷᠲᠡᠭᠡᠨ ᠵᠠᠰᠠᠬᠤ ᠣᠷᠣᠨ ᠤ ᠬᠤᠪᠢᠶᠠᠨ ᠡᠭᠦᠷᠭᠡᠯᠡᠭᠦ 50% ᠶᠢᠨ ᠬᠡᠰᠡᠭ ᠲᠤ ᠪᠤᠯ᠂ ᠦᠯᠡᠳᠡᠬᠡᠵᠦ ᠲᠤᠯᠭᠠᠨ | ᠰᠠᠭᠤᠯᠭᠠᠬᠤ ᠪᠠᠷ ᠪᠤᠴᠠᠭᠠᠬᠤ ᠭᠠᠶᠢᠯᠢ ᠶᠢᠨ ᠦᠪᠡᠷᠳᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ︽ᠭᠤᠷᠪᠠ ᠳᠣᠯᠤᠭ᠎ᠠ︾ ᠶᠢᠨ ᠬᠤᠪᠢᠶᠠᠨ ᠡᠭᠦᠷᠭᠡᠯᠡᠬᠦ | ᠬᠠᠷᠢᠴᠠᠯ ᠢ ᠦᠯᠦ ᠬᠤᠪᠢᠷᠠᠭᠤᠯᠬᠤ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠡᠯ᠎ᠡ ᠠᠶᠢᠮᠠᠭ ᠬᠤᠲᠠ ᠶᠢᠨ ᠳᠡᠭᠡᠷ᠎ᠡ ᠵᠢᠯ ᠤᠨ ᠥᠷᠲᠡᠭ ᠨᠡᠮᠡᠭᠳᠡᠯ ᠤᠨ ᠭᠠᠶᠢᠯᠢ ᠶᠢ | ᠬᠤᠪᠢᠳ᠋ᠬᠠᠰᠠᠨ ᠲᠤᠭᠠᠨ ᠤ ᠪᠠᠶᠢᠳᠠᠯ ᠢ ᠶᠡᠷᠦᠩᠬᠡᠶᠢᠯᠡᠨ ᠪᠣᠳᠣᠯᠬᠢᠯᠠᠵᠤ᠂ ᠠᠶᠢᠮᠠᠭ ᠬᠤᠲᠠ ᠶᠢᠨ ᠬᠤᠭᠤᠷᠣᠨᠳᠣᠬᠢ ᠬᠤᠪᠢᠶᠠᠨ ᠡᠭᠦᠷᠭᠡᠯᠡᠬᠦ ᠠᠷᠭ᠎ᠠ ᠶᠢ ᠵᠦᠶ ᠵᠣᠬᠢᠰᠲᠠᠶ | ᠲᠣᠬᠢᠷᠠᠭᠤᠯᠤᠨ ᠰᠢᠯᠢᠳᠡᠭᠵᠢᠭᠦᠯᠬᠦ ᠬᠡᠷᠡᠭᠲᠡᠶ᠃ ᠪᠣᠳᠠᠳᠠᠢ ᠠᠷᠭ᠎ᠠ ᠶᠢ ᠦᠪᠡᠷᠳᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠦᠷᠣᠭᠦᠯᠡᠨ ᠭᠠᠷᠭᠠᠵᠦ᠂ | ᠡᠳ᠋ ᠤᠨ ᠵᠠᠰᠠᠭ ᠤᠨ ᠶᠠᠮᠣᠨ᠂ ᠣᠯᠣᠰ ᠤᠨ ᠭᠠᠶᠢᠯᠢ ᠶᠢᠨ ᠶᠠᠪᠣᠳᠠᠯ ᠤᠨ ᠶᠡᠷᠣᠩᠬᠡᠢ ᠲᠣᠪᠴᠢᠶ᠎ᠠ᠂ ᠲᠣᠮᠳᠠᠳᠣ ᠣᠯᠣᠰ ᠤᠨ ᠠᠷᠠᠣᠨ ᠤᠨ ᠪᠠᠩᠬᠢ ᠶᠢᠨ ᠬᠠᠮᠳᠣᠷᠠᠨ | ᠲᠠᠷᠤᠮᠠᠯᠯᠠᠵᠦ ᠳᠠᠷᠬᠠᠭᠠᠭᠰᠠᠨ ︽ᠦᠷᠳᠡᠭ ᠨᠡᠮᠡᠭᠳᠡᠯ ᠤᠨ ᠭᠠᠶᠢᠯᠢ ᠳᠤ ᠦᠯᠡᠳᠡᠬᠡᠵᠦ ᠲᠤᠯᠭᠠᠨ ᠰᠠᠭᠤᠯᠭᠠᠬᠤ ᠪᠠᠷ ᠪᠤᠴᠠᠭᠠᠬᠤ ᠭᠠᠶᠢᠯᠢ ᠶᠢ ᠣᠷᠣᠨ ᠨᠣᠳᠤᠭ ᠤᠨ | ᠬᠤᠪᠢᠶᠠᠨ ᠡᠭᠦᠷᠭᠡᠯᠡᠬᠦ ᠲᠣᠭᠳᠠᠴᠨ ᠵᠢᠴᠢ ᠲᠦᠰᠣᠪ ᠤᠨ ᠬᠠᠮᠢᠶᠠᠷᠣᠯᠳᠠ ᠶᠢᠨ ᠬᠤᠯᠪᠣᠭᠳᠠᠯ ᠪᠦᠭᠦᠢ ᠵᠦᠢᠯᠡᠰ ᠢ ᠲᠣᠬᠢᠷᠠᠭᠤᠯᠣᠨ ᠳᠡᠭᠦᠯᠳᠡᠷᠵᠢᠭᠦᠯᠭᠦ ᠲᠣᠬᠠᠢ ᠮᠡᠳᠡᠭᠳᠠᠯ︾ | ︵ᠡᠳ᠋ ᠲᠦᠰᠣᠪ ﹇2019﹈ 205 ᠳ᠋ᠣᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠣᠰᠣᠯᠡᠵᠣ᠂ ᠬᠠᠮᠢᠶ᠎ᠠ ᠪᠦᠭᠦᠢ ᠰᠠᠯᠠᠭ᠎ᠠ ᠮᠦᠴᠢᠷ ᠲᠠᠢ ᠬᠠᠮᠳᠣᠷᠠᠵᠣ | ᠦᠪᠡᠷᠳᠡᠭᠡᠨ ᠵᠠᠰᠠᠬᠤ ᠣᠷᠣᠨ ᠤ ᠪᠣᠳᠠᠳᠠᠢ ᠲᠠᠢ ᠪᠠᠨ ᠣᠶᠠᠯᠳᠣᠭᠤᠯᠣᠨ ᠲᠣᠭᠳᠠᠭᠠᠬᠤ ᠬᠡᠷᠩᠳᠠᠢ᠃ | ᠭᠤᠷᠪᠠ᠂ ᠲᠥᠪ ᠤᠨ ᠬᠡᠷᠡᠭᠯᠡᠭᠡ ᠶᠢᠨ ᠭᠠᠶᠢᠯᠢ ᠶᠢᠨ ᠬᠠᠮᠢᠶ᠎ᠠ ᠪᠥᠬᠦᠶ ᠥᠭᠡᠷᠡᠴᠢᠯᠡᠯᠲᠡ ᠶᠢ ᠨᠠᠶᠢᠳᠠᠪᠣᠷᠢᠵᠢᠭᠤᠯᠬᠤ ᠬᠡᠷᠡᠭᠳᠠᠢ | ᠣᠷᠣᠨ ᠨᠤᠲᠤᠭ ᠤᠨ ᠭᠠᠶᠢᠯᠢ ᠶᠢᠨ ᠰᠢᠰᠲ᠋ᠧᠮᠵᠢ ᠶᠢ ᠪᠦᠷᠢᠨᠰᠢᠬᠦᠯᠬᠦ ᠥᠭᠡᠷᠡᠴᠢᠯᠡᠯᠲᠡ ᠶᠢ ᠠᠬᠢᠭᠤᠯᠬᠤ ᠲᠥᠪ ᠤᠨ ᠠᠵᠢᠯ ᠤᠨ ᠠᠬᠢᠴᠠ ᠶᠢ ᠦᠨᠳᠦᠰᠦᠯᠡᠨ᠂ | ᠥᠪᠡᠷᠲᠡᠭᠡᠨ ᠵᠠᠰᠠᠬᠤ ᠣᠷᠣᠨ ᠠᠴᠠ ᠲᠥᠷᠥ ᠲᠠᠷᠬᠠᠭᠠᠭᠰᠠᠨ | ﹇2019﹈ 21 ᠳ᠋ᠤᠭᠡᠷ ᠲᠣᠭᠠᠲᠤ ᠪᠢᠴᠢᠭ ᠮᠠᠲ᠋ᠧᠷᠢᠶᠠᠯ ᠳᠠᠬᠢ ᠬᠡᠷᠡᠭᠯᠡᠭᠡ ᠶᠢᠨ ᠭᠠᠶᠢᠯᠢ ᠲᠠᠲᠠᠪᠤᠷᠢᠯᠠᠬᠤ ᠭᠤᠨᠨᠴᠤᠭ᠎ᠠ ᠶᠢ ᠬᠤᠶᠢᠰᠢᠯᠠᠭᠤᠯᠬᠤ ᠶᠢᠨ ᠲᠠᠭᠠᠤ ᠣᠷᠣᠨ | ᠨᠤᠲᠤᠭ ᠲᠤ ᠲᠣᠭᠳᠠᠭᠤᠨ ᠢᠶᠠᠷ ᠬᠤᠪᠢᠶᠠᠷᠢᠯᠬᠠᠰᠠᠨ ᠬᠠᠮᠢᠶ᠎ᠠ ᠪᠦᠭᠦᠢ ᠦᠭᠡᠷᠡᠴᠢᠯᠡᠯᠳᠠ ᠶᠢᠨ ᠠᠵᠢᠯ ᠢ ᠢᠳᠡᠪᠬᠢᠲᠡᠶ ᠪᠠᠷ ᠳᠠᠭᠠᠵᠤ ᠨᠠᠶᠢᠳᠠᠪᠤᠷᠢᠵᠢᠭᠤᠯᠤᠨ᠎ᠠ᠃ ᠡᠳ᠋ ᠤᠨ | ᠵᠠᠰᠠᠭ ᠤᠨ ᠶᠠᠮᠣᠨ ᠠᠴᠠ ᠣᠯᠣᠰ ᠤᠨ ᠭᠠᠶᠢᠯᠢ ᠶᠢᠨ ᠶᠠᠪᠣᠳᠠᠯ ᠤᠨ ᠶᠡᠷᠣᠩᠬᠡᠢ ᠲᠣᠪᠴᠢᠶ᠎ᠠ ᠵᠡᠷᠭᠡ ᠰᠠᠯᠠᠭ᠎ᠠ ᠮᠦᠴᠢᠷ ᠤᠳ ᠲᠠᠢ ᠬᠠᠮᠳᠣᠷᠠᠵᠣ ᠪᠣᠳᠠᠳᠠᠢ ᠠᠷᠭ᠎ᠠ ᠶᠢ | ᠰᠤᠳᠤᠯᠤᠨ ᠲᠣᠭᠳᠠᠭᠠᠭᠰᠠᠨ ᠤ ᠳᠠᠷᠠᠭ᠎ᠠ᠂ ᠦᠪᠡᠷᠳᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠦᠪᠦᠷ ᠮᠤᠩᠭᠤᠯ ᠤᠨ ᠭᠠᠶᠢᠯᠢ ᠶᠢᠨ ᠶᠠᠪᠤᠳᠠᠯ ᠤᠨ | ᠲᠣᠪᠴᠢᠶ᠎ᠠ ᠵᠡᠷᠭᠡ ᠰᠠᠯᠠᠭ᠎ᠠ ᠮᠦᠴᠢᠷ ᠤᠳ ᠲᠠᠢ ᠬᠠᠮᠳᠣᠷᠠᠵᠣ ᠦᠪᠡᠷᠳᠡᠭᠡᠨ ᠵᠠᠰᠠᠬᠤ ᠣᠷᠣᠨ ᠤ ᠱᠠᠳᠤᠨ ᠠᠴᠠ ᠲᠣᠷᠣᠭᠰᠢᠬᠢ ᠬᠡᠷᠡᠭᠯᠡᠭᠡ ᠶᠢᠨ ᠭᠠᠶᠢᠯᠢ ᠶᠢᠨ | ᠦᠭᠡᠷᠡᠴᠢᠯᠡᠯᠳᠠ ᠶᠢᠨ ᠠᠷᠭ᠎ᠠ ᠶᠢ ᠰᠣᠳᠣᠯᠣᠨ ᠲᠣᠭᠳᠠᠭᠠᠵᠣ᠂ ᠮᠡᠨ ᠤ ᠣᠷᠣᠨ ᠤ ᠨᠡᠩ ᠶᠡᠭᠡ ᠬᠡᠪᠴᠢᠶᠠᠨ ᠳᠤ ᠭᠠᠶᠢᠯᠢ ᠶᠢ ᠬᠠᠰᠣᠵᠣ ᠰᠦᠢᠣᠡᠭᠡᠯ ᠢ ᠪᠠᠭᠤᠷᠠᠭᠤᠯᠬᠤ | ᠲᠠᠯ᠎ᠠ ᠪᠠᠷ ᠬᠢ ᠠᠷᠭᠠᠴᠠᠭᠠᠬᠤ ᠴᠢᠳᠠᠪᠣᠷᠢ ᠪᠠᠨ ᠨᠡᠮᠡᠭᠳᠡᠬᠦᠯᠬᠦ ᠬᠡᠷᠡᠭᠳᠡᠢ᠃ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠥᠷᠥ ᠲᠠᠷᠬᠠᠭᠠᠭᠰᠠᠨ | ﹇2019﹈ 21 ᠳ᠋ᠤᠭᠡᠷ ᠲᠣᠭᠠᠲᠤ ᠪᠢᠴᠢᠭ ᠮᠠᠲ᠋ᠧᠷᠢᠶᠠᠯ ᠪᠠ ᠲᠣᠰ ᠮᠡᠳᠡᠭᠳᠡᠯ ᠤᠨ ᠵᠣᠷᠢᠭ ᠰᠠᠨᠠᠭ᠎ᠠ ᠪᠠᠷ᠂ ᠲᠣᠰ ᠱᠠᠳᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠪᠠ | ᠬᠠᠷᠢᠶ᠎ᠠ ᠪᠦᠭᠦᠢ ᠬᠤᠰᠢᠭᠤ ᠰᠢᠶᠠᠨ ︵ᠬᠤᠲᠠ᠂ ᠲᠣᠭᠤᠷᠢᠭ︶ ᠢ ᠰᠢᠮᠳᠠᠭᠤᠯᠤᠨ ᠵᠢᠯᠣᠭᠤᠳᠴᠤ ᠪᠠᠶᠢᠭᠠᠳ ᠨᠠᠶᠢᠳᠠᠪᠤᠷᠢᠵᠢᠭᠤᠯᠤᠯᠳᠠ ᠶᠢ ᠬᠢᠨᠠᠮᠠᠭᠠᠶ ᠰᠠᠶᠢᠲᠤᠷ | ᠠᠳᠬᠤᠬᠤ ᠬᠡᠷᠡᠭᠲᠡᠶ᠃ | | ︵ᠲᠣᠰ ᠪᠢᠴᠢᠭ ᠮᠠᠲ᠋ᠧᠷᠢᠶᠠᠯ ᠢ ᠢᠯᠨ ᠨᠠᠶᠢᠳᠡᠯᠠᠨ᠎ᠠ︶ | | |